ᠪᠦᠬᠦ ᠤᠷᠤᠨ ᠤ ᠮᠤᠩᠭᠤᠯ ᠦᠰᠦᠭ ᠤᠨ ᠵᠦᠪ ᠪᠢᠴᠢᠯᠭᠡ ᠶᠢᠨ ᠤᠷᠤᠯᠳᠤᠭᠠᠨ ᠳᠤ ᠮᠠᠨ ᠤ ᠠᠶᠢᠮᠠᠭ ᠬᠤᠶᠠᠷ ᠲᠤᠭᠤᠢᠢᠯᠠᠩ ᠵᠤᠬᠢᠶᠠᠨ ᠪᠠᠶᠢᠭᠤᠯᠵᠤ ᠤᠷᠤᠯᠴᠠᠪᠠ
ᠨᠡᠶᠢᠲᠡᠯᠡᠭᠰᠡᠨ ᠴᠠᠭ᠄
2020/12/4
11 ᠰᠠᠷ᠎ᠠ ᠶᠢᠨ 14᠎ ᠤ ᠡᠳᠦᠷ ᠠᠴᠠ 15᠎ ᠤ ᠡᠳᠦᠷ ᠪᠤᠯᠳᠠᠯ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶ᠎ᠠ ᠠᠴᠠ ᠭᠤᠤᠯᠯᠠᠨ ᠡᠷᠬᠢᠯᠡᠵᠤ᠂ ᠥᠪᠥᠷ ᠮᠤᠩᠭᠤᠯ ᠤᠨ ᠥᠪᠡᠷᠲᠡᠭᠡᠨ ᠵᠠᠰᠠᠬᠤ ᠤᠷᠤᠨ ᠤ ᠦᠨᠳᠦᠰᠦᠲᠡᠨ ᠤ ᠬᠡᠷᠡᠭ ᠡᠷᠬᠢᠯᠡᠭᠦ ᠵᠥᠪᠯᠡᠯ ᠤᠨ ᠦᠨᠳᠦᠰᠦᠲᠡᠨ ᠤ ᠬᠡᠯᠡ ᠪᠢᠴᠢᠭ ᠤᠨ ᠭᠠᠵᠠᠷ᠂ ᠦᠪᠦᠷ ᠮᠤᠩᠭᠤᠯ ᠤᠨ ᠮᠤᠩᠭᠤᠯ ᠤᠳᠤᠨ ᠲᠧᠯᠸᠢᠰ ᠠᠴᠠ ᠲᠠᠭᠠᠭᠠᠴᠢᠯᠠᠵᠤ ᠡᠷᠬᠢᠯᠡᠭᠰᠡᠨ 2020 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠮᠤᠩᠭᠤᠯ ᠦᠰᠦᠭ ᠤᠨ ᠵᠦᠪ ᠪᠢᠴᠢᠯᠭᠡ ᠶᠢᠨ ᠤᠷᠤᠯᠳᠤᠭᠠᠨ ᠦᠪᠦᠷ ᠮᠤᠩᠭᠤᠯ ᠤᠨ ᠷᠠᠳᠢᠤ᠋ ᠲᠧᠯᠸᠢᠰ ᠬᠤᠷᠢᠶᠠᠨ ᠳᠤ ᠶᠠᠪᠤᠬᠳᠠᠵᠤ᠂ ᠮᠠᠨ ᠤ ᠠᠶᠢᠮᠠᠬ ᠬᠤᠶᠠᠷ ᠲᠤᠭᠤᠢᠢᠯᠠᠩ ᠵᠤᠬᠢᠶᠠᠨ ᠪᠠᠶᠢᠭᠤᠯᠵᠤ ᠤᠷᠤᠯᠴᠠᠬᠰᠠᠨ ᠪᠠᠶᠢᠨ᠎ᠠ
   ᠲᠤᠰ ᠤᠳᠠᠭᠠᠨ ᠤ ᠤᠷᠤᠯᠳᠤᠭᠠᠨ ᠨᠢ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠦᠨᠳᠦᠰᠦᠳᠡᠨ ᠤ ᠠᠵᠢᠯ ᠤᠨ ᠲᠦᠷᠦ ᠶᠢᠨ ᠪᠤᠳᠤᠯᠭ᠎ᠠ᠂ ᠮᠤᠩᠭᠤᠯ ᠬᠡᠯᠡ ᠪᠢᠴᠢᠭ ᠤᠨ ᠠᠵᠢᠯ ᠤᠨ ᠲᠦᠷᠢᠮ ᠢ ᠨᠠᠶᠢᠳᠠᠪᠤᠷᠢᠵᠢᠭᠤᠯᠤᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠵᠤᠷᠢᠯᠭ᠎ᠠ ᠪᠠᠷ ᠵᠤᠬᠢᠶᠠᠨ ᠪᠠᠶᠢᠭᠤᠯᠵᠤ᠂ ᠪᠦᠬᠦ ᠤᠷᠤᠨ ᠤ 12 ᠠᠶᠢᠮᠠᠬ ᠬᠤᠳᠠ ᠶᠢᠨ 24 ᠲᠦᠯᠦᠭᠡᠯᠡᠭᠴᠢ ᠶᠢᠨ ᠲᠤᠭᠤᠢᠢᠯᠠᠩ ᠤᠷᠤᠯᠴᠠᠵᠤ᠂ ᠡᠭᠦᠨ ᠤ ᠲᠤᠳᠤᠷ᠎ᠠ ᠠᠯᠠᠱᠠ ᠠᠶᠢᠮᠠᠬ ᠠᠴᠠ 2 ᠲᠦᠯᠦᠭᠡᠯᠡᠭᠴᠢ ᠶᠢᠨ ᠲᠤᠭᠤᠢᠢᠯᠠᠩ ᠪᠠᠭᠳᠠᠵᠤ ᠪᠠᠶᠢᠨ᠎ᠠ᠃'
   ᠤᠷᠤᠯᠳᠤᠭᠠᠨ ᠤ ᠰᠡᠳᠦᠪ ᠤᠨ ᠬᠡᠯᠪᠡᠷᠢ ᠨᠢ ᠰᠤᠨᠤᠰᠴᠤ ᠪᠢᠴᠢᠬᠦ᠂ ᠦᠭᠦᠯᠡᠪᠦᠷᠢ ᠶᠢᠨ ᠲᠠᠰᠢᠶ᠎ᠠ ᠦᠰᠦᠭ ᠢ ᠵᠠᠰᠠᠬᠤ᠂ ᠮᠤᠩᠭᠤᠯ ᠬᠡᠯᠡᠨ ᠳᠤ ᠬᠤᠯᠪᠤᠬᠳᠠᠬᠰᠠᠨ ᠰᠡᠳᠦᠪ ᠬᠠᠷᠢᠭᠤᠯᠬᠤ᠂ ᠲᠤᠰᠬᠠᠢ ᠠᠭᠤᠯᠭ᠎ᠠ ᠶᠢᠨ ᠲᠤᠭᠤᠷᠢᠨ ᠳᠤ ᠬᠤᠯᠪᠤᠬᠳᠠᠬᠰᠠᠨ ᠦᠰᠦᠭ ᠢ ᠪᠢᠴᠢᠬᠦ᠂ ᠰᠤᠩᠭᠤᠬᠤ ᠰᠡᠳᠦᠪ ᠵᠡᠷᠭᠡ ᠠᠭᠤᠯᠭ᠎ᠠ ᠶᠢ ᠲᠤᠬᠢᠷᠠᠭᠤᠯᠵᠤ᠂ 11 ᠰᠠᠷ᠎ᠠ ᠶᠢᠨ 14᠎ ᠤ ᠡᠳᠦᠷ ᠶᠠᠪᠤᠬᠳᠠᠬᠰᠠᠨ ᠪᠡᠯᠡᠳᠭᠡᠯ ᠤᠷᠤᠯᠳᠤᠭᠠᠨ ᠢᠶᠠᠷ ᠲᠠᠮᠵᠢᠨ ᠠᠯᠠᠱᠠ ᠠᠶᠢᠮᠠᠬ ᠤᠨ ᠬᠤᠶᠠᠷ ᠲᠦᠯᠦᠭᠡᠯᠡᠭᠴᠢ ᠶᠢᠨ ᠲᠤᠭᠤᠢᠢᠯᠠᠩ᠂ ᠰᠢᠯᠢ ᠶᠢᠨ ᠭᠤᠤᠯ ᠤᠨ ᠠᠶᠢᠮᠠᠬ ᠤᠨ ᠬᠤᠶᠠᠷ ᠲᠦᠯᠦᠭᠡᠯᠡᠭᠴᠢ ᠶᠢᠨ ᠲᠤᠭᠤᠢᠢᠯᠠᠩ᠂ ᠤᠯᠠᠭᠠᠨᠬᠠᠳᠠ ᠬᠤᠳᠠ ᠶᠢᠨ ᠬᠤᠶᠠᠷ ᠲᠦᠯᠦᠭᠡᠯᠡᠭᠴᠢ ᠶᠢᠨ ᠲᠤᠭᠤᠢᠢᠯᠠᠩ᠂ ᠲᠦᠩᠯᠢᠶᠤᠤ ᠬᠤᠳᠠ ᠶᠢᠨ ᠬᠤᠶᠠᠷ ᠲᠦᠯᠦᠭᠡᠯᠡᠭᠴᠢ ᠶᠢᠨ ᠲᠤᠭᠤᠢᠢᠯᠠᠩ ᠪᠤᠯᠤᠨ ᠪᠠᠶᠠᠨᠨᠠᠭᠤᠷ ᠬᠤᠳᠠ᠂ ᠪᠤᠭᠤᠳᠤ ᠬᠤᠳᠠ᠂ ᠬᠦᠯᠦᠨ ᠪᠦᠢᠷ ᠬᠤᠳᠠ᠂ ᠬᠦᠬᠡᠬᠤᠳᠠ ᠠᠴᠠ ᠲᠤᠰᠪᠤᠷᠢ ᠨᠢᠭᠡ ᠲᠦᠯᠦᠭᠡᠯᠡᠭᠴᠢ ᠶᠢᠨ ᠲᠤᠭᠤᠢᠢᠯᠠᠩ ᠰᠢᠢᠳᠪᠦᠷᠢᠳᠤ ᠤᠷᠤᠯᠳᠤᠭᠠᠨ ᠳᠤ ᠤᠷᠤᠵᠡᠢ᠃ 11 ᠰᠠᠷ᠎ᠠ ᠶᠢᠨ 15᠎ ᠤ ᠡᠳᠦᠷ ᠶᠠᠪᠤᠬᠳᠠᠬᠰᠠᠨ ᠰᠢᠢᠳᠪᠦᠷᠢᠳᠤ ᠤᠷᠤᠯᠳᠤᠭᠠᠨ ᠳᠤ ᠤᠷᠤᠯᠴᠠᠬᠰᠠᠨ 12 ᠲᠦᠯᠦᠭᠡᠯᠡᠭᠴᠢ ᠶᠢᠨ ᠲᠤᠭᠤᠢᠢᠯᠠᠩ ᠬᠤᠷᠴᠠ ᠰᠢᠷᠦᠭᠦᠨ ᠦᠷᠢᠰᠦᠯᠳᠦᠭᠰᠡᠨ ᠤ ᠡᠴᠦᠰ ᠲᠤ ᠮᠠᠨ ᠤ ᠠᠶᠢᠮᠠᠬ ᠤᠨ ᠨᠢᠭᠡᠳᠦᠭᠡᠷ ᠲᠤᠭᠤᠢᠢᠯᠠᠩ ᠭᠤᠷᠪᠠᠳᠤᠭᠠᠷ ᠲᠡᠰ ᠲᠤ ᠲᠤᠳᠤᠷᠠᠵᠤ᠂ ᠬᠤᠶᠠᠳᠤᠭᠠᠷ ᠲᠤᠭᠤᠢᠢᠯᠠᠩ ᠨᠢ ᠰᠢᠯᠢᠳᠡᠭ ᠲᠡᠰ ᠲᠤ ᠤᠷᠤᠬᠰᠠᠨ ᠪᠠᠶᠢᠨ᠎ᠠ᠃
ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号