ᠰᠣᠶᠣᠯ ᠤᠨ ᠶᠠᠮᠤᠨ ᠤ ᠦᠨᠳᠦᠰᠦᠳᠡᠨ ᠤ ᠠᠷᠠᠳ ᠤᠨ ᠤᠷᠠᠯᠢᠭ ᠢ ᠬᠥᠭᠵᠢᠭᠦᠯᠬᠦ ᠲᠥᠪ ᠤᠨ ᠤᠮᠠᠷᠠᠳᠤ ᠶᠢᠨ ᠲᠠᠯ᠎ᠠ ᠨᠤᠳᠤᠭ ᠤᠨ ᠲᠠᠭᠤᠤ ᠬᠥᠭᠵᠢᠮ ᠰᠣᠶᠣᠯ ᠢ ᠰᠣᠳᠣᠯᠣᠨ ᠤᠯᠠᠮᠵᠢᠯᠠᠬᠤ ᠰᠠᠭᠤᠷᠢᠨ ᠭᠠᠵᠠᠷ ᠤᠨ ᠠᠯᠠᠱᠠ ᠠᠷᠠᠳ ᠤᠨ ᠲᠠᠭᠤᠤ ᠶᠢ ᠥᠪᠯᠡᠨ ᠤᠯᠠᠮᠵᠢᠯᠠᠬᠤ ᠤᠯᠠᠭ᠎ᠠ ᠥᠷᠳᠡᠭᠡᠨ ᠤ 2020 ᠣᠨ ᠤ ᠳ᠋ᠦᠩᠨᠡᠯᠲᠡ ᠶᠢᠨ ᠬᠤᠷᠠᠯ ᠪᠠᠶᠠᠨᠬᠤᠳᠠ ᠳᠤ ᠠᠮᠵᠢᠯᠲᠠ ᠲᠠᠢ ᠶᠠᠪᠤᠭᠳᠠᠪᠠ
ᠨᠡᠶᠢᠲᠡᠯᠡᠭᠰᠡᠨ ᠴᠠᠭ᠄
2020/12/4
11 ᠰᠠᠷ᠎ᠠ ᠶᠢᠨ4 ᠤ ᠡᠳᠤᠷ᠂ ᠰᠣᠶᠣᠯ ᠤᠨ ᠶᠠᠮᠤᠨ ᠤ ᠦᠨᠳᠦᠰᠦᠳᠡᠨ ᠤ ᠠᠷᠠᠳ ᠤᠨ ᠤᠷᠠᠯᠢᠭ ᠢ ᠬᠥᠭᠵᠢᠭᠦᠯᠬᠦ ᠲᠥᠪ ᠤᠨ ᠤᠮᠠᠷᠠᠳᠤ ᠶᠢᠨ ᠲᠠᠯ᠎ᠠ ᠨᠤᠳᠤᠭ ᠤᠨ ᠲᠠᠭᠤᠤ ᠬᠥᠭᠵᠢᠮ ᠰᠣᠶᠣᠯ ᠢ ᠰᠣᠳᠣᠯᠣᠨ ᠤᠯᠠᠮᠵᠢᠯᠠᠬᠤ ᠰᠠᠭᠤᠷᠢᠨ ᠭᠠᠵᠠᠷ ᠤᠨ ᠠᠯᠠᠱᠠ ᠠᠷᠠᠳ ᠤᠨ ᠲᠠᠭᠤᠤ ᠶᠢ ᠥᠪᠯᠡᠨ ᠤᠯᠠᠮᠵᠢᠯᠠᠬᠤ ᠤᠯᠠᠭ᠎ᠠ ᠥᠷᠳᠡᠭᠡᠨ ᠤ 2020 ᠣᠨ ᠤ ᠳ᠋ᠦᠩᠨᠡᠯᠲᠡ ᠶᠢᠨ ᠬᠤᠷᠠᠯ ᠪᠠᠶᠠᠨᠬᠤᠳᠠ ᠳᠤ ᠠᠮᠵᠢᠯᠲᠠ ᠲᠠᠢ ᠶᠠᠪᠤᠭᠳᠠᠯ᠎ᠠ᠃
ᠠᠯᠠᠱᠠ ᠠᠷᠠᠳ ᠤᠨ ᠲᠠᠭᠤᠤ ᠶᠢ ᠥᠪᠯᠡᠨ ᠤᠯᠠᠮᠵᠢᠯᠠᠬᠤ ᠤᠯᠠᠭ᠎ᠠ ᠥᠷᠳᠡᠭᠡ ᠨᠢ 2016 ᠣᠨ ᠤ12 ᠰᠠᠷ᠎ᠠ ᠶᠢᠨ 16 ᠤ ᠡᠳᠤᠷ ᠵᠢᠩᠬᠢᠨᠢ ᠪᠠᠷ ᠪᠠᠶᠢᠭᠤᠯᠤᠭᠳᠠᠨ ᠣᠯᠠᠨ ᠠᠷᠪᠢᠨ ᠠᠷᠠᠳ ᠤᠨ ᠳᠠᠭᠤᠴᠢᠨ ᠢ ᠬᠥᠮᠥᠵᠢᠭᠦᠯᠵᠦ ᠡᠬᠢᠯᠡᠭᠰᠡᠨ ᠪᠠᠶᠢᠨ᠎ᠠ᠃ ᠡᠨᠡ ᠤᠳᠠᠭᠠᠨ ᠤ ᠬᠤᠷᠠᠯ ᠳᠤ ᠥᠪᠤᠷ ᠮᠣᠩᠭᠤᠯ ᠤᠨ ᠤᠷᠠᠯᠢᠭ ᠤᠨ ᠲᠡᠭᠡᠳᠣ ᠰᠤᠷᠭᠠᠭᠤᠯᠢ ᠶᠢᠨ ᠲᠠᠭᠤᠤ ᠬᠥᠭᠵᠢᠮ ᠤᠨ ᠲᠡᠭᠡᠳᠦ ᠰᠤᠷᠭᠠᠭᠤᠯᠢ ᠶᠢᠨ ᠲᠠᠷᠤᠭ᠎ᠠ ᠫᠷᠣᠹᠧᠰᠰᠣᠷ ᠪᠦᠳᠦᠭᠡᠯᠳᠦ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠢ ᠥᠪᠯᠡᠨ ᠤᠯᠠᠮᠵᠢᠯᠠᠭᠴᠢ᠂ ᠲᠥᠷᠥ ᠶᠢᠨ ᠡᠷᠭᠦᠮᠵᠢᠯᠡᠯᠳᠦ ᠲᠠᠷᠬᠠᠨ ᠲᠠᠭᠤᠴᠢᠨ᠂ ᠥᠪᠤᠷ ᠮᠣᠩᠭᠤᠯ ᠤᠨ ᠤᠷᠠᠯᠢᠭ ᠤᠨ ᠶᠡᠭᠡ ᠰᠤᠷᠭᠠᠭᠤᠯᠢ ᠶᠢᠨ ᠣᠨᠴᠠ ᠤᠷᠢᠭᠰᠠᠨ ᠫᠷᠣᠹᠧᠰᠰᠣᠷ᠂ ᠰᠣᠶᠣᠯ ᠤᠨ ᠶᠠᠮᠤᠨ ᠤ ᠦᠨᠳᠦᠰᠦᠳᠡᠨ ᠤ ᠠᠷᠠᠳ ᠤᠨ ᠤᠷᠠᠯᠢᠭ ᠢ ᠬᠥᠭᠵᠢᠭᠦᠯᠬᠦ ᠲᠥᠪ ᠤᠨ ᠤᠮᠠᠷᠠᠳᠤ ᠶᠢᠨ ᠲᠠᠯ᠎ᠠ ᠨᠤᠳᠤᠭ ᠤᠨ ᠲᠠᠭᠤᠤ ᠬᠥᠭᠵᠢᠮ ᠰᠣᠶᠣᠯ ᠢ ᠰᠣᠳᠣᠯᠣᠨ ᠤᠯᠠᠮᠵᠢᠯᠠᠬᠤ ᠰᠠᠭᠤᠷᠢᠨ ᠭᠠᠵᠠᠷ ᠤᠨ ᠠᠯᠠᠱᠠ ᠠᠷᠠᠳ ᠤᠨ ᠲᠠᠭᠤᠤ ᠶᠢ ᠥᠪᠯᠡᠨ ᠤᠯᠠᠮᠵᠢᠯᠠᠬᠤ ᠤᠯᠠᠭ᠎ᠠ ᠥᠷᠲᠡᠭᠡ ᠶᠢ ᠡᠭᠦᠰᠭᠡᠨ ᠪᠠᠶᠢᠭᠤᠯᠤᠭᠴᠢ ᠪᠠᠳᠮ᠎ᠠ ᠵᠡᠷᠭᠡ ᠬᠠᠮᠢᠶ᠎ᠠ ᠪᠦᠬᠦᠢ ᠪᠠᠭᠰᠢ ᠤᠳᠤᠷᠢᠳᠤᠯᠭ᠎ᠠ ᠨᠠᠷ ᠣᠷᠣᠯᠴᠠᠵᠤ᠂ ᠠᠯᠠᠱᠠ ᠠᠷᠠᠳ ᠤᠨ ᠲᠠᠭᠤᠤ ᠶᠢ ᠥᠪᠯᠡᠨ ᠤᠯᠠᠮᠵᠢᠯᠠᠬᠤ ᠤᠯᠠᠭ᠎ᠠ ᠥᠷᠳᠡᠭᠡᠨ ᠤ 2020 ᠣᠨ ᠤ ᠳ᠋ᠦᠩᠨᠡᠯᠲᠡ ᠬᠢᠬᠦ᠂ ᠬᠤᠭᠤᠴᠠᠭ᠎ᠠ ᠰᠣᠯᠢᠬᠤ ᠶᠤᠰᠣᠯᠠᠯ ᠬᠢᠬᠦ ᠵᠡᠷᠭᠡ ᠠᠭᠤᠯᠭ᠎ᠠ ᠪᠠᠷ ᠶᠠᠪᠤᠭᠳᠠᠭᠤᠯᠤᠨ ᠠᠯᠠᠱᠠ ᠠᠶᠢᠮᠠᠭ ᠤᠨ ᠠᠳᠤᠭᠤᠨ ᠰᠣᠶᠣᠯ ᠤᠨ ᠨᠡᠶᠢᠬᠡᠮᠯᠢᠭ ᠤᠨ ᠲᠡᠷᠢᠭᠦᠯᠡᠭᠴᠢ᠂ ᠠᠯᠠᠱᠠ ᠠᠷᠠᠳ ᠤᠨ ᠲᠠᠭᠤᠨ ᠤ ᠨᠡᠶᠢᠬᠡᠮᠯᠢᠭ ᠤᠨ ᠳᠡᠳ᠋ ᠲᠡᠷᠢᠭᠦᠯᠡᠭᠴᠢ᠂ ᠠᠯᠠᠱᠠ ᠦᠢᠷᠠᠳ ᠤᠨ ᠵᠡᠩ ᠦᠢᠯᠡ ᠰᠣᠶᠣᠯ ᠢ ᠤᠯᠠᠮᠵᠢᠯᠠᠨ ᠬᠥᠮᠥᠵᠢᠭᠦᠯᠬᠦ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ᠂ ᠠᠯᠠᠱᠠ ᠠᠶᠢᠮᠠᠭ ᠤᠨ ᠣᠶᠢᠷᠠᠳ ᠤᠨ ᠰᠣᠶᠣᠯ ᠤᠨ ᠬᠥᠭᠵᠢᠯᠲᠡ ᠶᠢᠨ ᠬᠢᠵᠠᠭᠠᠷᠳᠤ ᠬᠠᠷᠢᠭᠤᠴᠠᠯᠭᠠᠳᠤ ᠺᠣᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠵᠢᠴᠢ ᠶᠡᠷᠦᠩᠭᠡᠢ ᠵᠠᠬᠢᠷᠤᠯ ᠤᠨ ᠲᠤᠰᠢᠶᠠᠯ ᠢ ᠡᠭᠦᠷᠭᠡᠯᠡᠨ ᠳᠠᠭᠠᠭᠠᠵᠤ ᠪᠠᠶᠢᠭ᠎ᠠ ᠬᠠᠰᠪᠠᠭᠠᠲᠤᠷ ᠲᠠᠷᠠᠭᠠᠴᠢ ᠶᠢᠨ ᠬᠠᠷᠢᠭᠤᠴᠠᠬᠤ ᠲᠤᠰᠢᠶᠠᠯ ᠢ ᠡᠭᠦᠷᠭᠡᠯᠡᠬᠦ ᠪᠠᠷ ᠲᠣᠭᠳᠠᠭᠰᠠᠨ ᠪᠠᠶᠢᠨ᠎ᠠ᠃
︽ᠮᠠᠨ ᠤ ᠤᠯᠠᠭ᠎ᠠ ᠥᠷᠲᠡᠭᠡ ᠪᠠᠶᠢᠭᠤᠯᠤᠭᠳᠠᠭᠰᠠᠨ ᠠᠴᠠ ᠨᠠᠰᠢ 120 ᠭᠠᠷᠤᠢ ᠤᠳᠠᠭ᠎ᠠ ᠬᠢᠴᠢᠶᠡᠯ ᠣᠷᠣᠵᠤ᠂ ᠬᠢᠴᠢᠶᠡᠯ ᠤᠷᠤᠭᠰᠠᠨ ᠬᠦᠮᠦᠨ ᠤ ᠲᠤᠭ᠎ᠠ 3600 ᠰᠢᠬᠠᠮ ᠳᠤ ᠬᠦᠷᠴᠦ᠂ ᠨᠡᠶᠢᠳᠡ 53 ᠲᠠᠯᠠᠪᠠᠢ ᠲᠣᠭᠯᠠᠯᠲᠠ ᠲᠣᠭᠯᠠᠪᠠ᠃ ᠨᠡᠩ ᠤᠯᠠᠭ᠎ᠠ ᠥᠷᠳᠡᠭᠡ ᠶᠢᠨ ᠠᠷᠠᠳ ᠤᠨ ᠲᠠᠭᠤᠤ ᠶᠢ ᠤᠯᠠᠮᠵᠢᠯᠠᠬᠤ ᠠᠩᠭᠢ ᠶᠢᠨ ᠪᠦᠷᠢᠯᠳᠦᠭᠦᠨ ᠪᠣᠯᠬᠤ ᠠᠯᠳᠠᠢ ᠶᠢᠨ ᠳᠠᠭᠤᠤᠷᠢ ᠤᠷᠠᠯᠢᠭ ᠤᠨ ᠪᠦᠯᠭᠦᠮ ᠨᠢ ᠭᠠᠳᠠᠷ ᠮᠤᠵᠢ ᠣᠷᠣᠨ ᠢᠶᠠᠷ ᠤᠯᠠᠨᠳᠠ ᠶᠠᠪᠤᠵᠦ᠂ ᠠᠯᠠᠱᠠ ᠤᠷᠳᠤ ᠶᠢᠨ ᠲᠠᠭᠤᠤ ᠪᠠᠨ ᠤᠬᠠᠭᠤᠯᠵᠤ᠂ ᠣᠯᠠᠨ ᠲᠥᠷᠥᠯ ᠤᠨ ᠤᠷᠤᠯᠳᠤᠭᠠᠨ ᠳᠤ ᠣᠷᠣᠯᠴᠠᠨ᠂ ᠠᠯᠳᠠᠨ ᠮᠧᠳᠡᠯ ᠢᠶᠠᠷ ᠡᠩᠭᠡᠷ ᠢᠶᠠᠨ ᠮᠢᠯᠢᠶᠠᠯᠭᠠᠵᠤ ᠠᠯᠳᠠᠷ ᠨᠡᠷ᠎ᠡ ᠪᠠᠨ ᠮᠠᠨᠳᠤᠭᠤᠯᠵᠤ ᠶᠠᠪᠤᠭᠰᠠᠨ᠃ 2019 ᠤᠨ 1 ᠰᠠᠷ᠎ᠠ ᠳᠤ ᠠᠯᠠᠱᠠ ᠠᠶᠢᠮᠠᠭ ᠤᠨ ᠣᠯᠠᠨ ᠲᠦᠮᠡᠨᠴᠢ ᠰᠣᠶᠣᠯ ᠤᠨ ᠣᠷᠳᠣᠨ ᠤ ᠲᠡᠮᠵᠢᠯᠭᠡ ᠪᠠ ᠬᠠᠳᠠ ᠪᠠᠭᠰᠢ ᠶᠢᠨ ᠤᠳᠤᠷᠢᠳᠤᠯᠭ᠎ᠠ ᠲᠣᠣᠷ᠎ᠠ 2018 ᠣᠨ ᠤ ᠬᠠᠷᠢᠭᠤ ᠮᠡᠳᠡᠭᠦᠯᠦᠯᠲᠡ ᠶᠢᠨ ᠲᠣᠭᠯᠠᠯᠲᠠ ᠪᠠᠨ ᠠᠮᠵᠢᠯᠲᠠ ᠲᠠᠢ ᠶᠠᠪᠤᠭᠳᠠᠭᠤᠯᠵᠤ᠂ 2019 ᠣᠨ ᠤ 12 ᠰᠠᠷ᠎ᠠ ᠳᠤ ᠤᠯᠠᠭ᠎ᠠ ᠥᠷᠳᠡᠭᠡ ᠠᠴᠠ ︿ᠦᠨᠢ ᠮᠥᠩᠭᠡ ᠶᠢᠨ ᠤᠯᠠᠮᠵᠢᠯᠠᠯ﹀ ᠬᠢᠬᠦ ᠦᠳᠡᠰᠢᠯᠡᠭᠡ ᠶᠢ ᠵᠣᠬᠢᠶᠠᠨ ᠪᠠᠶᠢᠭᠤᠯᠤᠨ ᠲᠤᠰ ᠵᠢᠯ ᠤᠨ ᠢᠶᠠᠨ ᠠᠵᠢᠯ ᠤᠨ ᠬᠠᠷᠢᠭᠤ ᠮᠡᠳᠡᠭᠦᠯᠦᠯᠲᠡ ᠬᠢᠬᠦ ᠶᠢᠨ ᠲᠠᠭᠠᠤ ᠳᠤ ᠡᠨᠡᠬᠦ ᠦᠳᠡᠰᠢᠯᠡᠭᠡ ᠪᠠᠨ 2020 ᠣᠨ ᠤ ᠠᠯᠠᠱᠠ ᠠᠷᠠᠳ ᠤᠨ ᠲᠠᠭᠤᠣ ᠶᠢᠨ ᠴᠠᠭᠠᠨ ᠰᠠᠷ᠎ᠠ ᠶᠢᠨ ᠦᠳᠡᠰᠢᠯᠡᠭᠡ ᠪᠣᠯᠭᠠᠨ ᠲᠡᠪᠰᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠥᠪᠤᠷ ᠮᠣᠩᠭᠤᠯ ᠤᠨ ᠮᠣᠩᠭᠤᠯ ᠣᠳᠣᠨ ᠲᠧᠯᠸᠢᠰ ᠢᠶᠠᠷ ᠨᠡᠪᠲᠡᠷᠡᠭᠦᠯᠦᠨ ᠪᠦᠬᠦ ᠲᠡᠯᠡᠬᠡᠢ ᠳᠤ ᠠᠯᠠᠱᠠ ᠢᠵᠠᠭᠤᠷ ᠤᠷᠠᠯᠢᠭ᠂ ᠠᠷᠠᠳ ᠤᠨ ᠲᠠᠭᠤᠤ ᠶᠢᠨ ᠷᠢᠳᠢ ᠰᠢᠳᠢ ᠶᠢ ᠭᠠᠶᠢᠬᠠᠭᠤᠯᠤᠭᠰᠠᠨ ᠪᠠᠶᠢᠨ᠎ᠠ︾ ᠭᠡᠮᠡᠨ ᠪᠠᠳᠮ᠎ᠠ ᠠᠴᠠ ᠳ᠋ᠦᠩᠨᠡᠪᠡ᠃
ᠲᠥᠷᠪᠡᠨ ᠵᠢᠯ ᠤᠨ ᠲᠤᠷᠰᠢ᠂ ᠲᠤᠰ ᠠᠷᠠᠳ ᠤᠨ ᠳᠠᠭᠤᠤ ᠶᠢᠨ ᠠᠩᠭᠢ ᠳᠤ ᠭᠤᠷᠪᠠᠨ ᠬᠤᠰᠢᠭᠤᠨ ᠤ ᠵᠠᠭᠤ ᠰᠢᠬᠠᠮ ᠲᠠᠭᠤᠴᠢᠳ ᠣᠷᠣᠯᠴᠠᠵᠤ᠂ ᠡᠭᠦᠨ ᠳᠤ 88 ᠨᠠᠰᠤ ᠲᠠᠢ ᠠᠬᠠᠮᠠᠳ ᠪᠣᠭᠤᠷᠣᠯ ᠲᠠᠭᠤᠴᠢᠨ ᠠᠴᠠ 8 ᠨᠠᠰᠣᠳᠡᠢ ᠪᠢᠴᠢᠬᠠᠨ ᠲᠠᠭᠤᠴᠢᠨ ᠬᠦᠷᠳᠡᠯ᠎ᠡ ᠪᠠᠶᠢᠵᠦ᠂ ᠮᠣᠩᠭᠤᠯ ᠤᠷᠳᠤ ᠶᠢᠨ ᠳᠠᠭᠤᠤ ᠶᠢᠨ ᠠᠶᠠᠯᠭᠤᠲᠤ ᠡᠭᠡᠰᠢᠭ ᠢᠶᠠᠨ ᠣᠯᠠᠨ ᠤ ᠬᠠᠷᠠᠭᠠᠨ ᠳᠤ ᠬᠦᠷᠭᠡᠵᠦ ᠴᠢᠳᠠᠪᠠ᠃  ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号