ᠬᠤ᠋ ᠶᠦᠩ ᠨᠢᠩ
ᠨᠡᠶᠢᠲᠡᠯᠡᠭᠰᠡᠨ ᠴᠠᠭ᠄
2020/12/8
ᠬᠤᠰᠢᠭᠤᠨ ᠤ ᠳᠡᠳ᠋ ᠳᠠᠷᠤᠭ᠎ᠠᠬᠤ᠋ ᠶᠦᠩ ᠨᠢᠩᠡᠷᠡᠭᠲᠡᠢ᠂ ᠬᠢᠲᠠᠳ ᠦᠨᠳᠦᠰᠦᠷᠡᠨ᠂1978 ᠣᠨ ᠤ 7 ᠰᠠᠷ᠎ᠠ  ᠲᠦᠷᠦᠵᠡᠢ᠂  ᠦᠪᠦᠷ ᠮᠣᠩᠭᠤᠯ ᠤᠨ ᠪᠣᠭᠤᠲᠤ ᠶᠢᠨ ᠬᠦᠮᠦᠨ᠂ 2000 ᠣᠨ ᠤ 6 ᠰᠠᠷ᠎ᠠ  ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠤᠯᠴᠠᠵᠤ᠂ 2001 ᠣᠨ ᠤ 7 ᠰᠠᠷ᠎ᠠ ᠳᠤ ᠠᠵᠢᠯ ᠳᠤ ᠣᠷᠤᠪᠠ᠃ ᠣᠳᠤ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠤᠨ ᠤ ᠳᠡᠳ᠋ ᠬᠤᠰᠢᠭᠤᠨ ᠳᠠᠷᠤᠭ᠎ᠠ  ︵ᠲᠦᠷ ᠴᠠᠭ  ᠲᠤᠰᠢᠶᠠᠯ ᠡᠭᠦᠷᠭᠡᠯᠡᠵᠦ ᠪᠣᠢ︶ ᠪᠠᠷ ᠠᠵᠢᠯᠯᠠᠵᠤ ᠪᠣᠢ᠃1997.09 — 2001.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠣᠶ ᠰᠢᠭᠤᠶ ᠶᠢᠨ ᠬᠠᠮᠠᠭᠠᠯᠠᠯᠲᠠ ᠶᠢᠨ ᠲᠤᠰᠬᠠᠶ ᠮᠡᠷᠭᠡᠵᠢᠯ ᠳᠤ ᠰᠤᠷᠤᠯᠴᠠᠪᠠ 2001.07 — 2006.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠢᠨᠠᠨ ᠬᠡᠮᠵᠢᠬᠦ  ᠲᠦᠯᠦᠪᠵᠢᠭᠦᠯᠭᠡ ᠶᠢᠨ ᠬᠤᠷᠢᠶᠠᠨ ᠤ ᠣᠶ ᠰᠢᠭᠤᠶ ᠶᠢᠨ ᠰᠢᠯᠵᠢᠭᠦᠯᠦᠯᠲᠡ ᠶᠢᠨ ᠠᠩᠭᠢ ᠳᠤ ᠣᠶ ᠰᠢᠭᠤᠶ ᠶᠢᠨ ᠡᠬᠢ ᠪᠠᠶᠠᠯᠢᠭ ᠤᠨ  ᠪᠠᠶᠢᠴᠠᠭᠠᠯᠲᠠ ᠶᠢᠨ ᠠᠵᠢᠯ ᠢ ᠡᠷᠭᠢᠯᠡᠪᠡ 2003.09 — 2006.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠣᠶ ᠮᠣᠳᠣᠨ ᠤ ᠤᠳᠤᠮᠰᠢᠯ ᠤᠨ ᠦᠷ᠎ᠡ ᠪᠤᠶᠢᠵᠢᠭᠤᠯᠬᠤ  ᠰᠠᠯᠪᠦᠷᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ 2006.07 — 2015.03 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠢᠨᠠᠨ ᠬᠡᠮᠵᠢᠬᠦ ᠲᠦᠯᠦᠪᠵᠢᠭᠦᠯᠭᠡ ᠶᠢᠨ ᠬᠦᠷᠢᠶᠡᠯᠡᠩ ᠤᠨ ᠨᠢᠭᠡᠳᠦᠭᠡᠷ ᠲᠠᠰᠤᠭ ᠲᠤ ᠣᠶ ᠰᠢᠭᠤᠶ ᠶᠢᠨ ᠠᠮᠢ ᠠᠬᠤᠶ ᠶᠢᠨ ᠢᠨᠵᠧᠨᠧᠷᠢᠩ  ᠤᠨ ᠲᠦᠯᠦᠪᠵᠢᠭᠦᠯᠭᠡ  ᠶᠢᠨ ᠵᠢᠷᠤᠭ ᠲᠥᠯᠥᠪᠯᠡᠭᠡ  ᠶᠢᠨ  ᠡᠯᠡᠰᠦᠷᠬᠡᠭᠵᠢᠬᠦ  ᠶᠢ ᠬᠢᠨᠠᠨ ᠬᠡᠮᠵᠢᠬᠦ ᠠᠵᠢᠯ  ᠢ ᠡᠷᠭᠢᠯᠡᠪᠡ 2006.09 — 2012.07 ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ᠂ ᠬᠥᠷᠥᠰᠥ ᠰᠢᠷᠣᠶ ᠶᠢ ᠬᠠᠮᠠᠭᠠᠯᠠᠬᠤ ᠬᠢᠭᠡᠳ ᠴᠦᠯᠯᠡᠷᠬᠡᠭᠵᠢᠯ ᠢ ᠰᠡᠷᠭᠡᠶᠢᠯᠡᠨ ᠵᠠᠰᠠᠬᠤ ᠲᠤᠰᠬᠠᠶ ᠮᠡᠷᠭᠡᠵᠢᠯ ᠤᠨ ᠪᠦᠬᠦᠯᠢ ᠡᠳᠦᠷ ᠤᠨ ᠳᠦᠷᠢᠮᠲᠦ ᠳ᠋ᠣᠺᠲ᠋ᠣᠷᠠᠨᠲ 2008.12 — 2009.03  ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽511 ᠴᠢᠳᠠᠪᠤᠷᠢᠲᠠᠨ ᠤ ᠢᠨᠵᠧᠨᠧᠷᠢᠩ︾ ᠠᠮᠧᠷᠢᠺᠠ ᠶᠢᠨ ᠢᠯᠢᠨᠤ᠋ ᠪᠠᠶᠢᠭᠠᠯᠢ ᠲᠧᠭᠨᠢᠭ ᠤᠨ ᠤᠬᠠᠭᠠᠨ ᠤ ᠶᠡᠭᠡ ᠰᠤᠷᠭᠠᠭᠤᠯᠢ᠂  ᠳᠡᠭᠡᠲᠤ ᠵᠡᠷᠭᠡ ᠶᠢᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠤᠷᠤᠯᠴᠠᠯᠭ᠎ᠠ 2012.11 — 2014.01  ᠠᠤᠰᠲᠷᠯᠢᠶ᠎ᠠ ᠶᠢᠨ ᠬᠥᠭᠵᠢᠯᠲᠡ ᠶᠢᠨ ᠰᠤᠷᠤᠯᠭ᠎ᠠ ᠶᠢᠨ ᠱᠠᠩᠨᠠᠯ ᠤᠨ ᠮᠥᠩᠭᠦ ᠶᠢᠨ ᠲᠤᠰᠠᠯᠠᠮᠵᠢ ᠶᠢ ᠬᠦᠷᠲᠡᠵᠦ ᠠᠤᠰᠲᠷᠯᠢᠶ᠎ᠠ ᠶᠢᠨ ᠸᠤ᠋ ᠯᠦᠩ ᠭᠠᠩ ᠶᠡᠭᠡ ᠰᠤᠷᠭᠠᠭᠤᠯᠢ ᠶᠢᠨ ᠣᠷᠴᠢᠨ ᠲᠣᠭᠤᠷᠢᠨ ᠤ ᠰᠢᠨᠵᠢᠯᠡᠬᠦ  ᠤᠬᠠᠭᠠᠨ  ᠢ ᠰᠤᠷᠤᠯᠴᠠᠵᠤ᠂ ᠮᠠᠰᠲ᠋ᠧᠷ ᠴᠣᠯᠠ  ᠬᠠᠮᠠᠭᠠᠯᠠᠪᠠ2015.3 — 2019.02 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠶᠢᠨ ᠬᠢᠨᠠᠨ ᠬᠡᠮᠵᠢᠬᠦ  ᠲᠦᠯᠦᠪᠵᠢᠭᠦᠯᠭᠡ ᠶᠢᠨ ᠬᠦᠷᠢᠶᠡᠯᠡᠩ ᠂ ᠲᠥᠯᠥᠪᠵᠢᠭᠦᠯᠭᠡ ᠶᠢᠨ ᠬᠤᠶᠠᠳᠤᠭᠠᠷ ᠲᠠᠰᠤᠭ ᠤᠨ ᠡᠷᠬᠢᠯᠡᠭᠴᠢ 2019.03 — ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠢ ᠰᠢᠭᠤᠢ ᠶᠢᠨ ᠬᠢᠨᠠᠨ ᠬᠡᠮᠵᠢᠬᠦ  ᠲᠦᠯᠦᠪᠵᠢᠭᠦᠯᠭᠡ ᠶᠢᠨ ᠬᠦᠷᠢᠶᠡᠯᠡᠩ ᠤᠨ ᠠᠮᠢ ᠠᠬᠤᠢ ᠶᠢᠨ ᠢᠨᠵᠧᠨᠧᠷᠢᠩ ᠤᠨ ᠬᠢᠨᠠᠨ ᠪᠠᠶᠢᠴᠠᠭᠠᠬᠤ ᠲᠠᠰᠤᠭ ᠤᠨ ᠡᠷᠬᠢᠯᠡᠭᠴᠢ 2019.3 — ᠠᠯᠠᠱᠠ ᠵᠡᠭᠦᠨ ᠬᠤᠰᠢᠭᠤᠨ ᠤ  ᠳᠡᠳ᠋ ᠬᠤᠰᠢᠭᠤᠨ ᠳᠠᠷᠤᠭ᠎ᠠ  ︵ᠲᠦᠷ ᠴᠠᠭ ᠲᠤᠰᠢᠶᠠᠯ ᠡᠭᠦᠷᠭᠡᠯᠡᠪᠡ︶ ᠪᠠᠷ ᠠᠵᠢᠯᠯᠠᠵᠤ ᠪᠣᠢ᠃ᠠᠵᠢᠯ  ᠤᠨ ᠬᠤᠪᠢᠶᠠᠷᠢᠯᠠᠯ᠄ ᠬᠤᠰᠢᠭᠤᠨ ᠳᠠᠷᠤᠭ᠎ᠠ ᠶᠢ ᠬᠠᠪᠰᠤᠷᠤᠨ ᠣᠢ ᠰᠢᠭᠤᠶ ᠪᠠ ᠨᠤᠲᠤᠭ ᠪᠡᠯᠴᠢᠭᠡᠷ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠯ᠎ᠠ ᠶᠢᠨ ᠠᠵᠢᠯ ᠢ ᠬᠠᠷᠢᠭᠤᠴᠠᠨ᠎ᠠ᠃ ᠰᠢᠨᠵᠢᠯᠡᠬᠦ ᠤᠬᠠᠭᠠᠨ ᠮᠡᠷᠭᠡᠵᠢᠯ ᠪᠣᠯᠤᠨ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ︵ᠡᠯᠡᠰᠦᠨ ᠤ ᠠᠵᠤ  ᠦᠢᠯᠡᠰ ᠤᠨ ᠲᠣᠪᠴᠢᠶ᠎ᠠ︶᠂ ᠡᠯᠡᠰᠦᠨ ᠤ ᠠᠵᠤ ᠦᠢᠯᠡᠰ ᠤᠨ ᠺᠣᠮᠫᠠᠨᠢ ᠶᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠴᠤ ᠪᠦᠬᠦᠢ ᠬᠦᠷᠢᠶᠡᠨ ᠤ ᠨᠠᠮ ᠤᠨ ᠪᠠᠶᠢᠭᠤᠯᠤᠯᠲᠠ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠦᠯᠭᠦᠢ ᠦᠢᠯᠡᠳᠪᠦᠷᠢᠯᠡᠯ᠂ ᠵᠠᠬᠢᠳᠠᠯ  ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠪᠠ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠤᠨ ᠠᠵᠢᠯ ᠢ ᠬᠠᠷᠢᠭᠤᠴᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号