ᠢᠯᠢᠶᠠᠰ · ᠬᠤᠵᠠ ᠬᠠᠭᠠᠨ
ᠨᠡᠶᠢᠲᠡᠯᠡᠭᠰᠡᠨ ᠴᠠᠭ᠄
2020/3/13
ᠨᠠᠢᠮᠠᠳᠣᠭᠠᠷ ᠪᠦᠯᠦᠭ  ᠮᠣᠩᠭᠤᠯᠴᠣᠳ ᠤᠨ ᠲᠣᠮᠳᠠ ᠠᠴᠠ ᠢᠯᠢᠶᠠᠰ ᠬᠤᠵᠠ ᠬᠠᠭᠠᠨ ᠤ ᠲᠣᠬᠠᠢ ᠣᠯᠠᠮᠵᠢᠯᠠᠯ ᠶᠠᠷᠢᠶ᠎ᠠ① ᠨᠢᠭᠡᠨᠳᠡ ᠣᠯᠳᠠᠬᠤ ᠪᠠᠨ ᠪᠣᠯᠢᠵᠠᠢ᠃ ᠭᠡᠪᠡᠴᠦ ᠪᠢ ᠦᠪᠡᠷ ᠤᠨ ᠡᠴᠢᠭᠡ ᠶᠢᠨ ᠢᠶᠠᠨ ᠲᠡᠭᠦᠨ ᠤ ᠨᠡᠷ᠎ᠡ ᠶᠢ ᠲᠣᠷᠠᠳᠣᠵᠣ ᠪᠠᠶᠢᠭᠰᠠᠨ ᠢ ᠰᠣᠨᠣᠰᠣᠭᠰᠠᠨ ᠶᠣᠮ᠃ ︽ᠲᠡᠮᠦᠷ ᠤᠨ ᠲᠠᠶᠢᠨ ᠤ ᠭᠠᠪᠢᠶ᠎ᠠ ᠶᠢᠨ ᠲᠡᠮᠳᠡᠭᠯᠡᠯ︾ ᠳᠤ ᠪᠣᠰᠣᠳ ᠬᠡᠷᠡᠭ ᠢ ᠦᠬᠦᠯᠡᠬᠦ ᠲᠡᠭᠡᠨ ᠬᠠᠶ᠎ᠠ ᠪᠠᠰᠠ ᠲᠡᠭᠦᠨ ᠤ ᠲᠣᠬᠠᠢ ᠲᠣᠷᠠᠳᠣᠵᠣ ᠪᠠᠶᠢᠭᠰᠠᠨ ᠶᠣᠮ᠃ ᠡᠳᠡᠭᠡᠷ ᠠᠭᠤᠯᠭ᠎ᠠ ᠶᠢ ᠪᠢ ᠪᠦᠷ ᠶᠡᠭᠡ ᠲᠦᠯᠦᠪ ᠡᠨᠡᠬᠦ ᠨᠣᠮ ᠳᠤ ᠬᠠᠭᠤᠯᠣᠨ ᠣᠷᠣᠭᠤᠯᠪᠠ᠃ᠲᠣᠰ ᠪᠦᠯᠦᠭ ᠤᠨ ᠲᠠᠶᠢᠯᠪᠣᠷᠢ① ᠪᠠᠷᠲ᠋ᠣᠯᠢᠲ ᠤᠨ ᠬᠡᠯᠡᠬᠦ ᠪᠠᠷ᠄ ︽ᠪᠣᠷᠣᠯᠵᠢ ᠪᠣᠯ ᠲᠣᠬᠤᠯᠭ᠎ᠠ ᠲᠡᠮᠦᠷ ᠬᠠᠭᠠᠨ ᠠᠴᠠ ᠡᠷᠳᠡ ᠨᠠᠰᠣ ᠪᠠᠷᠠᠵᠠᠢ᠂ ᠲᠡᠭᠡᠭᠡᠳ ᠲᠡᠭᠦᠨ ᠤ ᠨᠢᠯᠬ᠎ᠠ ᠪᠠᠯᠴᠢᠷ ᠪᠠᠶᠢᠭᠰᠠᠨ ᠬᠦᠪᠡᠭᠦᠨ ᠬᠤᠳᠠᠶᠢᠳᠠ ᠲᠡᠭᠦᠨ ᠤ ᠬᠡᠷᠬᠢᠮ ᠢ ᠵᠠᠯᠭᠠᠮᠵᠢᠯᠠᠪᠠ᠃ ᠡᠨᠡ ᠦᠶ᠎ᠡ ᠪᠠᠷ ᠪᠣᠷᠣᠯᠵᠢ ᠶᠢᠨ ᠲᠡᠭᠦᠥ ᠬᠠᠮᠠᠷ · ᠠᠳ᠋ᠳᠢᠨ ᠣᠷᠪᠠᠯᠭᠠᠨ ᠭᠠᠷᠭᠠᠵᠣ᠂ ᠲᠣᠬᠤᠯᠭ᠎ᠠ ᠲᠡᠮᠦᠷ ᠬᠠᠭᠠᠨ ᠤ ᠵᠠᠯᠭᠠᠮᠵᠢᠯᠠᠭᠴᠢ ᠢᠯᠯᠢᠶᠠᠰ ᠬᠤᠵᠠ ᠬᠠᠭᠠᠨ ᠢ ᠡᠰᠡᠷᠭᠦᠴᠡᠨ ᠢᠯᠠᠵᠣ ᠪᠠᠷᠢᠪᠴᠢᠯᠠᠨ ᠠᠯᠠᠪᠠ᠃ ᠡᠶᠢᠮᠦ ᠠᠴᠠ ᠢᠯᠢᠶᠠᠰ ᠬᠤᠵᠠ ᠶᠢᠨ ᠬᠠᠭᠠᠨ ᠰᠠᠭᠤᠭᠰᠠᠨ ᠣᠨ ᠵᠢᠯ ᠨᠢ ᠲᠣᠩ ᠣᠬᠤᠷ ᠪᠣᠯᠬᠤᠷ ᠮᠣᠩᠭᠤᠯᠴᠣᠳ ᠤᠨ ᠠᠮᠠᠨ ᠣᠯᠠᠮᠵᠢᠯᠠᠯ  ᠳᠤ ᠣᠷᠣ ᠮᠦᠷ ᠢᠶᠠᠨ ᠦᠯᠡᠳᠡᠭᠡᠵᠦ ᠴᠢᠳᠠᠭᠰᠠᠨ ᠦᠭᠡᠢ︾ ᠭᠡᠵᠡᠢ᠃ ︽ᠪᠠᠷᠲ᠋ᠣᠯᠢᠲ ᠶᠢᠨ ᠵᠣᠬᠢᠶᠠᠯ ᠤᠨ ᠡᠮᠬᠢᠳᠭᠡᠯ ︾ ᠬᠤᠶᠠᠳᠣᠭᠠᠷ ᠪᠣᠳᠢ ᠶᠢᠨ ᠨᠢᠭᠡᠳᠦᠭᠡᠷ ᠬᠤᠪᠢᠶᠠᠷᠢ ᠲᠡᠪᠳᠡᠷ ᠤᠨ80 —81 ᠳ᠋ᠣᠭᠠᠷ ᠨᠢᠭᠤᠷ ᠲᠤ ᠦᠵᠡ᠃ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号