ᠤᠳᠤᠭ ᠤᠨ ᠲᠦᠷᠢᠮ
ᠨᠡᠶᠢᠲᠡᠯᠡᠭᠰᠡᠨ ᠴᠠᠭ᠄
2020/3/5
    ᠤᠳᠤᠭ ᠤᠨ ᠲᠦᠷᠢᠮ ᠨᠢ ᠳᠠᠷᠤᠢ ᠠᠯᠪᠠᠨ ᠬᠤᠳᠠᠯᠳᠤᠭᠠᠨ ᠤ ᠲᠦᠷᠢᠮ ᠪᠤᠯᠤᠨ᠎ᠠ᠃ ᠴᠢᠩᠭᠢᠰ ᠬᠠᠭᠠᠨ ᠤ ᠦᠶ᠎ᠡ ᠠᠴᠠ ᠡᠬᠢᠯᠡᠨ ︽ᠤᠳᠤᠭ ᠪᠦᠷᠢ ᠶᠢᠨ ᠬᠤᠤᠪᠢᠯᠳᠤᠯᠭ᠎ᠠ︾ ᠳᠠᠷᠤᠢ ᠬᠦᠭᠵᠢᠶᠡᠨ ᠲᠠᠢ ᠪᠤᠯᠵᠦ᠂ ᠮᠦᠩᠭᠡ ᠬᠠᠭᠠᠨ ᠤ ᠬᠤᠶᠠᠳᠤᠭᠠᠷ ᠤᠨ ︵1252 ᠤᠨ︶᠎ ᠳᠤ ᠪᠠᠰᠠ ᠳᠤᠰᠬᠠᠢ ᠪᠠᠶᠢᠭᠤᠯᠤᠮᠵᠢ ᠶᠢ ᠪᠠᠶᠢᠭᠤᠯᠵᠦ᠂ ᠶᠡᠭᠡ ᠲᠦᠰᠢᠮᠡᠯ ᠢᠶᠠᠨ ᠵᠠᠷᠯᠢᠭᠳᠠᠨ ᠤᠳᠤᠭ ᠤᠨ ᠤᠴᠢᠷ ᠢ ᠳᠤᠰᠬᠠᠶᠢᠯᠠᠨ ᠬᠠᠮᠢᠶᠠᠷᠤᠭᠤᠯᠪᠠ᠃ ᠶᠤᠸᠠᠨ ᠤᠯᠤᠰ ᠤᠨ ᠵᠢᠶᠠᠨ ᠶᠤᠸᠠᠨ ᠤ ᠤᠨ ᠠᠴᠠ ᠬᠤᠶᠢᠰᠢ᠂ ᠤᠳᠤᠭ ᠮᠤᠩᠭᠤᠯ ᠤᠨ ᠨᠤᠶᠠᠷᠬᠠᠭᠴᠢᠳ ᠤᠨ ᠳᠡᠮᠵᠢᠯᠭᠡ ᠳᠤ ᠲᠦᠰᠢᠭᠯᠡᠨ ᠂ ᠶᠤᠸᠠᠨ ᠤᠯᠤᠰ ᠤᠨ ᠠᠷᠠᠯᠵᠢᠶ᠎ᠠ ᠬᠤᠳᠠᠯᠳᠤᠭ᠎ᠠ ᠶᠢ ᠡᠵᠡᠮᠰᠢᠵᠦ᠂ ᠤᠯᠠᠨ ᠳᠠᠯ᠎ᠠ ᠶᠢᠨ ᠤᠨᠴᠠ ᠡᠷᠭᠡ ᠶᠢ ᠡᠳ᠋ᠯᠡᠵᠦ᠂ ︽ᠶᠤᠸᠠᠨ ᠤᠯᠤᠰ ᠤᠨ ᠦᠶ᠎ᠡ ᠳᠠᠬᠢ ᠠᠯᠪᠠᠨ ᠤ ᠬᠤᠳᠠᠯᠳᠤᠭ᠎ᠠ︾ ᠪᠤᠯᠪᠠ᠃ ᠶᠤᠸᠠᠨ ᠤᠯᠤᠰ ᠤᠨ ᠵᠠᠰᠠᠭ ᠤᠨ ᠭᠠᠵᠠᠷ ᠠᠴᠠ ︽ᠤᠳᠤᠭ ᠤᠨ ᠭᠠᠵᠠᠷ︾᠂ ︽ᠤᠳᠤᠭ ᠤᠨ ᠳᠤᠪᠴᠢᠶ᠎ᠡ︾᠂ ︽ᠤᠳᠤᠭ ᠤᠨ ᠶᠡᠷᠤᠩᠬᠡᠢ ᠬᠠᠮᠢᠶᠠᠷᠬᠤ ᠤᠷᠳᠤᠨ︾ ᠭᠡᠬᠦ ᠵᠡᠷᠭᠡ ᠶᠢᠨ ᠠᠯᠪᠠᠨ ᠤᠷᠳᠤᠨ ᠢ ᠪᠠᠶᠢᠭᠤᠯᠪᠠ᠃ ᠤᠳᠤᠭ ᠤᠨ ᠲᠦᠷᠢᠮ ᠪᠤᠯ ᠨᠢᠭᠡᠨ ᠲᠦᠷᠦᠯ ᠤᠨ ᠬᠤᠳᠠᠯᠳᠤᠭᠠᠨ ᠤ ᠦᠢᠯᠡᠰ ᠤᠨ ᠬᠦᠭᠵᠢᠯ ᠢ ᠬᠠᠷᠰᠢᠯᠠᠵᠦ᠂ ᠪᠦᠬᠦᠶᠢᠯᠡ ᠨᠡᠶᠢᠭᠡᠮ ᠤᠨ ᠠᠵᠦ ᠠᠬᠤᠢ ᠎ ᠳᠤ ᠡᠪᠳᠡᠬᠦ ᠦᠢᠯᠡᠳᠤᠯ ᠦᠵᠡᠬᠦᠯᠦᠭᠰᠡᠨ ᠲᠦᠷᠢᠮ ᠪᠤᠯᠤᠨ᠎ᠠ᠃ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号