ᠤᠷᠤ ᠨᠤᠶᠠᠨ ᠤ ᠴᠡᠷᠢᠭ ᠪᠦᠯᠢ ᠶᠢᠨ ᠬᠡᠷᠡᠭ ᠤᠴᠢᠷ ᠢ ᠳᠠᠰᠤᠯᠤᠨ ᠰᠢᠳᠬᠡᠬᠦ ᠲᠦᠷᠢᠮ
ᠨᠡᠶᠢᠲᠡᠯᠡᠭᠰᠡᠨ ᠴᠠᠭ᠄
2020/3/5
  ᠤᠷᠤ ᠪᠤᠯ ᠮᠤᠩᠭᠤᠯ ᠬᠠᠭᠠᠨᠳᠤ ᠤᠯᠤᠰ᠂ ᠶᠤᠸᠠᠨ ᠤᠯᠤᠰ ᠤᠨ ᠦᠶ᠎ᠠ ᠶᠢᠨ ᠴᠡᠷᠢᠭ ᠠᠩᠬᠢ ᠶᠢᠨ ᠳᠤᠳᠤᠭᠠᠳᠤ  ᠳᠠᠬᠢ ᠨᠢᠭᠡ ᠵᠦᠢᠯ ᠤᠨ ᠤᠨᠴᠠᠭᠠᠢ ᠲᠦᠷᠢᠮ᠃ ᠡᠬᠢᠨ ᠳᠡᠭᠡᠨ ᠴᠡᠷᠢᠭ ᠠᠩᠬᠢ ᠶᠢ ᠳᠠᠭᠠᠬᠤ ᠭᠡᠷ ᠪᠦᠯᠢ ᠶᠢ ᠵᠢᠭᠠᠵᠦ᠂ ᠰᠡᠬᠦᠯᠴᠢ ᠤᠨ ᠦᠶ᠎ᠠ ᠳᠡᠭᠡᠨ ᠭᠡᠷ ᠪᠦᠯᠢ᠂ ᠴᠡᠷᠢᠭ ᠤᠨ ᠬᠡᠷᠡᠭᠰᠡᠯ ᠪᠤᠯᠤᠨ ᠳᠠᠶᠢᠨ ᠤ ᠡᠳ᠋ ᠪᠤᠳᠠᠰ ᠢ ᠴᠤᠭᠯᠠᠭᠤᠯᠵᠦ ᠬᠠᠩᠭᠠᠬᠤ ᠶᠢ ᠬᠠᠮᠢᠶᠠᠷᠬᠤ ᠪᠠᠶᠢᠭᠤᠯᠤᠯᠭ᠎ᠠ ᠶᠢ ᠵᠢᠭᠠᠬᠤ ᠪᠤᠯᠵᠠᠢ᠃   ᠤᠷᠤ ᠪᠤᠯ ᠮᠤᠩᠭᠤᠯ ᠴᠡᠷᠢᠭ ᠠᠩᠬᠢ ᠶᠢᠨ ᠠᠷᠤ ᠳᠠᠯ᠎ᠠ᠂ ᠰᠠᠭᠤᠷᠢᠨ ᠭᠠᠵᠠᠷ᠂ ᠴᠡᠷᠢᠭ ᠤᠨ ᠬᠡᠷᠡᠭᠰᠡᠯ ᠬᠠᠩᠭᠠᠬᠤ ᠭᠠᠵᠠᠷ ᠪᠤᠯᠤᠨ᠎ᠠ᠃ ᠡᠶᠢᠮᠤ ᠠᠴᠠ ᠴᠡᠷᠢᠭ ᠠᠩᠬᠢ ᠶᠢ ᠲᠠᠭᠠᠨ᠂ ᠴᠡᠷᠢᠭ ᠤᠨ ᠭᠡᠷ ᠪᠦᠯᠢ᠂ ᠠᠮᠤ ᠬᠦᠨᠡᠰᠤ ᠬᠡᠷᠡᠭᠰᠡᠯ ᠢ ᠪᠠᠳᠤᠯᠠᠬᠤ ᠡᠮᠦᠨ᠎ᠠ ᠹᠠᠷᠤᠨᠲ ᠠᠴᠠ ᠬᠤᠯᠠ ᠪᠢᠰᠢ ᠭᠠᠵᠠᠷ ᠪᠠᠭᠤᠷᠢᠯᠠᠵᠦ᠂ ᠳᠤᠰᠬᠠᠢ ᠤᠷᠤ ᠨᠤᠶᠠᠨ ᠳᠤᠮᠢᠯᠠᠨ ᠬᠠᠮᠢᠶᠠᠷᠤᠭᠤᠯᠤᠭᠰᠠᠨ ᠪᠠᠶᠢᠨ᠎ᠠ᠃   ᠤᠷᠤ ᠨᠤᠶᠠᠨ ᠢ ᠮᠤᠩᠭᠤᠯ ᠴᠡᠷᠢᠭ᠂ ᠳᠡᠮᠡᠴᠢ ᠴᠡᠷᠢᠭ᠂ ᠬᠢᠳᠠᠳ ᠴᠡᠷᠢᠭ ᠵᠡᠷᠭᠡ ᠴᠡᠷᠢᠭ ᠤᠨ ᠵᠤᠬᠢᠶᠠᠨ ᠪᠠᠶᠢᠭᠤᠯᠤᠯᠳᠠ ᠳᠤ ᠲᠦᠭᠡᠮᠡᠯ ᠳᠤᠬᠢᠷᠠᠭᠤᠯᠵᠦ ᠪᠠᠶᠢᠳᠠᠭ᠃ ᠡᠳᠡᠭᠡᠷ ᠴᠡᠷᠢᠭ ᠤᠨ ᠵᠤᠬᠢᠶᠠᠨ ᠪᠠᠶᠢᠭᠤᠯᠤᠯᠳᠠ ᠶᠢᠨ ᠳᠠᠶᠢᠨ ᠳᠤ ᠮᠤᠷᠳᠠᠬᠤ᠂ ᠳᠠᠶᠢᠨ ᠬᠢᠬᠦ᠂ ᠪᠠᠭᠤᠷᠢᠰᠢᠬᠤ᠂ ᠪᠠᠬᠢᠯᠡᠬᠦ ᠵᠡᠷᠭᠡ ᠨᠢ ᠳᠤᠩ ᠪᠤᠳᠤᠯᠢᠶᠠᠨᠳᠠᠢ ᠪᠠᠶᠢᠵᠦ᠂ ᠤᠷᠤ ᠨᠤᠶᠠᠨ ᠤ ᠡᠷᠭᠡ ᠶᠢᠨ ᠬᠠᠷᠢᠶ᠎ᠠ ᠨᠢ ᠬᠠᠷᠢᠴᠠᠩᠭᠤᠢ ᠪᠠᠷ ᠦᠷᠭᠡᠨ ᠪᠠᠶᠢᠳᠠᠭ᠃   ᠭᠤᠤᠯ ᠡᠷᠭᠡ ᠡᠬᠦᠷᠭᠡ ᠪᠤᠯ᠄ ᠨᠢᠭᠡ᠂ ᠴᠡᠷᠢᠭ ᠡᠯᠰᠡᠵᠦ ᠳᠤᠮᠢᠯᠠᠨ᠂ ᠳᠠᠶᠢᠨ ᠳᠤ ᠦᠷᠡᠭᠳᠡᠭᠰᠡᠳ ᠤᠨ ᠤᠷᠤ ᠶᠢ ᠨᠦᠬᠦᠨ᠎ᠠ︔ ᠬᠤᠶᠠᠷ᠂ ᠴᠡᠷᠢᠭ ᠤᠨ ᠤᠨᠤᠭ᠎ᠠ ᠬᠦᠯᠭᠡ᠂ ᠬᠡᠷᠡᠭᠰᠡᠯ᠂ ᠵᠡᠪᠰᠡᠭ ᠵᠡᠷᠭᠡ ᠶᠢ ᠴᠤᠭᠯᠠᠭᠤᠯᠤᠨ᠎ᠠ︔ ᠭᠤᠷᠪᠠ᠂ ᠴᠡᠷᠢᠭ ᠤᠨ ᠬᠠᠮᠢᠶᠠᠷᠤᠯᠳᠠ ᠶᠢ ᠬᠠᠷᠢᠭᠤᠴᠠᠵᠦ᠂ ᠴᠡᠷᠢᠭ ᠤᠨ ᠡᠩᠨᠡᠭᠡᠨ ᠠᠴᠠ ᠳᠤᠳᠠᠭᠠᠭᠰᠠᠳ ᠢ ᠪᠠᠷᠢᠪᠴᠢᠯᠠᠨ᠎ᠠ᠃ ᠡᠷᠭᠡ ᠪᠠᠨ ᠭᠤᠳᠤᠭᠠᠵᠦ ᠦᠯᠦ ᠪᠠᠷᠢᠪᠴᠢᠯᠠᠭᠰᠠᠳ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ ᠶᠡᠷᠤᠩᠬᠡᠢ ᠳᠤᠨᠢ ᠠᠪᠴᠤ ᠬᠡᠯᠡᠪᠡᠯ᠂ ᠡᠳᠡᠭᠡᠷ ᠴᠡᠷᠢᠭ ᠤᠨ ᠵᠤᠬᠢᠶᠠᠨ ᠪᠠᠶᠢᠭᠤᠯᠤᠯᠳᠠ ᠶᠢᠨ ᠴᠡᠷᠢᠭ ᠪᠦᠯᠢ ᠵᠡᠷᠭᠡ ᠶᠢ  ᠪᠦᠷ ᠤᠷᠤ ᠨᠤᠶᠠᠨ ᠠᠴᠠ ᠬᠠᠮᠢᠶᠠᠷᠤᠨ᠎ᠠ᠃   ᠤᠷᠤ ᠨᠤᠶᠠᠨ ᠡᠮᠦᠨ᠎ᠠ ᠬᠡᠯᠡᠭᠰᠡᠨ ᠳᠡᠳᠡᠭᠡᠷ ᠴᠡᠢᠭ ᠤᠨ ᠦᠢᠯᠡ ᠶᠢ ᠬᠠᠮᠢᠶᠠᠷᠬᠤ ᠠᠴᠠ ᠭᠠᠳᠠᠨ᠎ᠠ ᠴᠡᠷᠢᠭ ᠪᠦᠯᠢ  ᠶᠢᠨ ᠵᠠᠷᠭᠤ ᠵᠠᠭᠠᠯᠳᠤᠯᠭ᠎ᠠ ᠶᠢ ᠳᠠᠰᠤᠯᠬᠤ ᠦᠢᠯᠡ ᠶᠢ ᠬᠦᠢᠴᠡᠳᠬᠡᠨ᠎ᠠ᠃ ᠡᠬᠦᠨ ᠠᠴᠠ ᠭᠠᠳᠠᠨ᠎ᠠ ᠤᠷᠤ ᠨᠤᠶᠠᠨ ᠢᠷᠭᠡᠨ ᠤ ᠬᠦᠩᠭᠡᠨ ᠡᠷᠡᠬᠦᠦ ᠶᠢᠨ ᠬᠡᠷᠡᠭ ᠢ ᠰᠢᠳᠬᠡᠨ ᠳᠠᠰᠤᠯᠬᠤ᠂ ᠮᠤᠩᠭᠤᠯ ᠴᠡᠷᠢᠭ᠂ ᠴᠡᠷᠢᠭ ᠠᠩᠬᠢ ᠪᠤᠯᠤᠨ ᠬᠤᠳᠠ ᠪᠤᠭᠤᠮᠳᠠ ᠳᠤ ᠬᠤᠯᠪᠤᠭᠳᠠᠭᠰᠠᠨ᠂ ᠬᠤᠳᠠᠯᠳᠤᠭ᠎ᠠ ᠮᠠᠶᠢᠮᠠᠢ ᠵᠡᠷᠭᠡ ᠠᠵᠦ ᠠᠬᠤᠢ ᠳᠤ ᠬᠤᠯᠪᠤᠭᠳᠠᠬᠤ ᠵᠠᠷᠭᠤ ᠵᠠᠭᠠᠯᠳᠤᠯᠭ᠎ᠠ ᠶᠢ ᠳᠠᠰᠤᠯᠤᠨ ᠰᠢᠳᠬᠡᠨ᠎ᠠ᠃ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号