ᠬᠡᠤᠬᠡᠳ ᠪᠠᠭᠠᠴᠤᠳ ᠤᠨ ᠢᠳᠡᠭᠡᠨ ᠤᠮᠳᠠᠭᠠᠨ ᠲᠠᠢ ᠬᠤᠯᠪᠤᠭᠳᠠᠬᠤ ᠴᠡᠭᠡᠷ ᠶᠤᠰᠤᠨ
ᠨᠡᠶᠢᠲᠡᠯᠡᠭᠰᠡᠨ ᠴᠠᠭ᠄
2020/4/22
 ᠬᠡᠤᠬᠡᠳ ᠤᠨ ᠪᠡᠶ᠎ᠡ ᠮᠠᠬᠠᠪᠤᠳ ᠤᠨ ᠦᠰᠦᠯᠲᠡ ᠪᠤᠶᠢᠵᠢᠯᠲᠠ ᠳᠤ ᠱᠠᠭᠠᠷᠳᠠᠭᠳᠠᠬᠤ ᠰᠢᠮ᠎ᠡ ᠲᠡᠵᠢᠭᠡᠯ ᠢ ᠢᠳᠡᠭᠡᠨ ᠤᠮᠳᠠᠭᠠᠨ ᠢᠶᠠᠷ ᠬᠠᠩᠭᠠᠳᠠᠭ᠃ ᠢᠳᠡᠭᠡᠨ ᠤᠮᠳᠠᠭᠠᠨ ᠤ ᠴᠢᠨᠠᠷ ᠴᠢᠨᠰᠠᠭ᠎ᠠ ᠶᠢᠨ ᠰᠠᠶᠢᠨ ᠮᠠᠭᠤ᠂ ᠵᠤᠬᠢᠴᠠᠯ ᠤᠨ ᠲᠡᠩᠴᠡᠬᠦᠷᠢᠲᠡᠢ ᠡᠰᠡᠬᠦ ᠨᠢ ᠪᠦᠷ ᠲᠡᠳᠡᠨ ᠤ ᠦᠰᠦᠯᠲᠡ ᠪᠤᠶᠢᠵᠢᠯᠲᠠ ᠶᠢᠨ ᠬᠡᠪ ᠤᠨ ᠬᠦᠭᠵᠢᠯᠲᠡ ᠰᠢᠭᠤᠳ ᠨᠦᠯᠦᠭᠡᠯᠡᠨ᠎ᠡ᠃ ᠡᠶᠢᠮᠦ ᠠᠴᠠ ᠡᠭᠦᠨ ᠤ ᠲᠤᠬᠠᠢ ᠴᠡᠭᠡᠷ ᠶᠣᠰᠤᠨ ᠪᠤᠢ ᠪᠤᠯᠪᠠ᠃  ᠬᠡᠤᠬᠡᠳ ᠲᠤ ᠡᠷᠭᠢᠭᠦᠦ ᠲᠠᠷᠢᠬᠢ ᠢᠳᠡᠭᠦᠯᠬᠦ ᠶᠢ ᠴᠡᠭᠡᠷᠯᠡᠨ᠎ᠡ᠃ ᠡᠷᠬᠢᠭᠦᠦ ᠮᠤᠩᠬᠠᠭ ᠪᠤᠯᠤᠨ᠎ᠠ ᠭᠡᠳᠡᠭ᠃  ᠬᠡᠦᠬᠡᠳ ᠲᠤ ᠠᠶᠤᠮᠠᠬᠠᠢ ᠮᠦᠬᠡᠷᠰᠦ ᠢᠳᠡᠭᠦᠯᠬᠦ ᠶᠢ ᠴᠡᠭᠡᠷᠯᠡᠨ᠎ᠡ᠃ ᠠᠶᠤᠮᠠᠲᠠᠭᠠᠢ ᠵᠠᠩ ᠲᠠᠢ ᠪᠤᠯᠤᠨ᠎ᠠ ᠭᠡᠳᠡᠭ᠃ ᠬᠡᠤᠬᠡᠳ ᠲᠤ ᠤᠯᠤᠭᠠᠢ ᠶᠢᠨ ᠮᠤᠬᠤᠷ ᠢ ᠢᠳᠡᠭᠦᠯᠬᠦ ᠶᠢ ᠴᠡᠭᠡᠷᠯᠡᠨ᠎ᠡ᠃ ᠬᠤᠵᠢᠮ ᠤᠯᠳᠣᠢ ᠪᠤᠯᠬᠤ ᠪᠤᠶᠤ ᠠᠵᠢᠯ ᠠᠮᠢᠳᠣᠷᠠᠯ ᠳᠤ ᠪᠠᠨ ᠮᠣᠬᠤᠷᠳᠠᠬᠤ ᠲᠥᠪᠡᠭᠳᠡᠵᠦ ᠶᠠᠪᠤᠬᠤ ᠪᠤᠯᠤᠨ᠎ᠠ ᠭᠡᠳᠡᠭ᠃  ᠬᠡᠣᠬᠡᠳ ᠲᠤ ᠤᠬᠤᠷᠬᠠᠢ ᠢᠳᠡᠭᠦᠯᠬᠦ ᠶᠢ ᠴᠡᠭᠡᠷᠯᠡᠨ᠎ᠡ᠃ ᠤᠬᠢᠯᠠᠩᠬᠠᠢ ᠵᠠᠩ ᠲᠠᠢ ᠪᠤᠯᠤᠨ᠎ᠠ ᠭᠡᠳᠡᠭ᠃  ᠬᠡᠤᠬᠡᠳ ᠲᠤ ᠤᠯᠠᠭᠠᠨ ᠬᠤᠭᠤᠯᠠᠢ ᠢᠳᠡᠭᠦᠯᠬᠦ ᠶᠢ ᠴᠡᠭᠡᠷᠯᠡᠨ᠎ᠡ᠃ ᠬᠤᠪᠳᠤᠭ ᠵᠠᠩ ᠲᠠᠢ ᠪᠤᠯᠤᠨ᠎ᠠ ᠭᠡᠳᠡᠭ᠃  ᠬᠡᠤᠬᠡᠳ ᠲᠤ ᠣᠯᠣᠭᠠᠢ ᠢᠳᠡᠭᠦᠯᠬᠦ ᠶᠢ ᠴᠡᠭᠡᠷᠯᠡᠨ᠎ᠡ᠃ ᠠᠮᠠᠨ ᠬᠦᠨᠡᠰᠦ ᠨᠢ ᠬᠤᠷᠤᠭᠳᠠᠨ᠎ᠠ ᠭᠡᠲᠡᠭ᠃  ᠬᠡᠤᠬᠡᠳ ᠲᠤ ᠨᠤᠭᠤᠰᠤ ᠢᠳᠡᠭᠦᠯᠬᠦ ᠶᠢ ᠴᠡᠭᠡᠷᠯᠡᠨ᠎ᠡ᠃ ᠴᠢᠳᠠᠯ ᠦᠭᠡᠢ ᠪᠤᠯᠤᠨ᠎ᠠ ᠭᠡᠳᠡᠭ᠃  ᠬᠡᠤᠬᠡᠳ ᠲᠤ ᠪᠢᠲᠡᠭᠦᠦ ᠲᠤᠭᠤᠷᠠᠶᠢᠲᠠᠨ ᠤ ᠮᠢᠬ᠎ᠠ ᠢᠳᠡᠭᠦᠯᠬᠦ ᠶᠢ ᠴᠡᠭᠡᠷᠯᠡᠨ᠎ᠡ᠃ ᠬᠠᠯᠠᠭᠤᠨ ᠡᠪᠡᠳᠴᠢᠨ ᠤᠯᠤᠨ᠎ᠠ ᠭᠡᠳᠡᠭ᠃  ᠬᠡᠤᠬᠡᠳ ᠲᠤ ᠪᠤᠷᠪᠢ ᠢᠳᠡᠭᠦᠯᠬᠦ ᠶᠢ ᠴᠡᠭᠡᠷᠯᠡᠨ᠎ᠡ᠃ ᠬᠤᠵᠢᠮ ᠠᠯᠵᠠᠭᠤ ᠵᠠᠯᠬᠠᠭᠤ ᠵᠠᠩ ᠲᠠᠢ ᠪᠤᠯᠤᠨ᠎ᠠ ᠭᠡᠳᠡᠭ᠃  ᠬᠡᠦᠬᠡᠳ ᠲᠤ ᠬᠡᠯᠡᠨ ᠤ ᠦᠵᠦᠭᠦᠷ ᠢᠳᠡᠭᠦᠯᠬᠦ ᠶᠢ ᠴᠡᠭᠡᠷᠯᠡᠨ᠎ᠡ᠃ ᠵᠠᠷᠢᠮ ᠨᠤᠲᠤᠭ ᠲᠤ ᠦᠭᠡᠨᠴᠢᠷ ᠪᠣᠯᠤᠨ᠎ᠠ ᠭᠡᠳᠡᠭ᠂ ᠵᠠᠷᠢᠮ ᠨᠤᠲᠤᠭ ᠲᠤ ᠬᠡᠯᠡᠭᠡᠢ ᠪᠣᠯᠤᠨ᠎ᠠ ᠭᠡᠳᠡᠭ᠃  ᠬᠡᠤᠬᠡᠳ ᠲᠤ ᠢᠳᠡᠭᠡᠰᠢᠭ ᠴᠠᠢ ᠤᠤᠭᠤᠯᠭᠠᠬᠤ ᠶᠢ ᠴᠡᠭᠡᠷᠯᠡᠨ᠎ᠡ᠃ ᠬᠤᠳᠤᠭᠤᠳᠤᠨ ᠰᠢᠷ᠎ᠠ ᠰᠠᠭᠤᠨ᠎ᠠ ᠭᠡᠳᠡᠭ᠃  ᠬᠡᠦᠬᠡᠳ ᠰᠢᠬᠢᠷ ᠠᠷᠪᠢᠨ ᠢᠳᠡᠭᠦᠯᠬᠦ᠂ ᠰᠢᠬᠢᠷᠯᠢᠭ ᠤᠮᠳᠠᠭᠠᠨ ᠤᠤᠭᠤᠯᠭᠠᠬᠤ ᠶᠢ ᠴᠡᠭᠡᠷᠯᠡᠨ᠎ᠡ᠃ ᠰᠢᠳᠦ ᠨᠢ ᠬᠤᠷᠤᠬᠠᠶᠢᠲᠤᠨ᠎ᠠ ᠭᠡᠳᠡᠭ᠃  ᠬᠡᠤᠬᠡᠳ ᠬᠦᠮᠦᠨ ᠲᠠᠮᠠᠬᠢ ᠲᠠᠲᠠᠬᠤ ᠶᠢ ᠡᠷᠡᠰ ᠴᠡᠭᠡᠷᠯᠡᠨ᠎ᠡ᠃ ᠲᠠᠪᠤᠨ ᠴᠤᠯᠤ ᠶᠢ ᠭᠡᠮᠲᠦᠭᠡᠨ᠂ ᠦᠰᠦᠯᠲᠡ ᠪᠤᠶᠢᠵᠢᠯᠲᠠ ᠭᠦᠢᠴᠡᠳ ᠦᠭᠡᠢ ᠪᠤᠯᠤᠨ᠎ᠠ ᠭᠡᠳᠡᠭ᠃ ᠬᠡᠦᠬᠡᠳ ᠬᠦᠮᠦᠨ ᠠᠷᠢᠬᠢ ᠤᠤᠭᠤᠬᠤ ᠶᠢ ᠡᠷᠡᠰ ᠴᠡᠭᠡᠷᠯᠡᠨ᠎ᠡ᠃ ᠪᠡᠶ᠎ᠡ ᠮᠠᠬᠠᠪᠤᠳ ᠦᠰᠴᠦ ᠪᠤᠶᠢᠵᠢᠵᠦ ᠭᠦᠢᠴᠡᠬᠦ  ᠠᠴᠠ ᠡᠮᠦᠨ᠎ᠡ ᠬᠤᠤᠷᠳᠠᠨ ᠭᠡᠮᠲᠦᠵᠦ᠂ ᠤᠶᠤᠨ ᠤᠬᠠᠭᠠᠨ ᠬᠦᠭᠵᠢᠬᠦ ᠠᠴᠠ ᠡᠮᠦᠨ᠎ᠡ ᠪᠦᠲᠡᠬᠢᠷᠡᠨ ᠪᠠᠯᠠᠷᠠᠨ᠎ᠠ ᠬᠡᠳᠦᠢ ᠡᠷᠲᠡ ᠠᠷᠢᠬᠢ ᠤᠤᠭᠤᠪᠠᠯ ᠲᠡᠳᠦᠢ ᠡᠷᠲᠡ ᠪᠡᠶ᠎ᠡ ᠮᠠᠬᠠᠪᠣᠳ ᠡᠷᠡᠮᠳᠡᠭ ᠵᠡᠷᠡᠮᠳᠡᠭ ᠪᠤᠯᠤᠨ᠎ᠠ᠃ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号