︽ᠡᠭᠡᠰᠢᠭ ᠳᠤᠯᠤᠭ᠎ᠠ︾᠎ ᠶᠢᠨ ᠦᠯᠢᠭᠡᠷ
ᠨᠡᠶᠢᠲᠡᠯᠡᠭᠰᠡᠨ ᠴᠠᠭ᠄
2020-05-14
︽ᠡᠭᠡᠰᠢᠭ ᠳᠤᠯᠤᠭ᠎ᠠ︾᠎ ᠶᠢᠨ ᠦᠯᠢᠭᠡᠷ᠄ ᠶᠠᠮᠠᠷ ᠨᠢᠬᠡ ᠶᠠᠭᠤᠮ᠎ᠠ ᠠᠴᠠ ᠤᠯᠠᠮ ᠬᠤᠯᠠᠳᠠᠬᠤ ᠪᠦᠷᠢ ᠳᠡᠬᠦᠨ ᠤ ᠡᠷᠬᠢᠮ ᠨᠠᠨᠳᠢᠨ ᠬᠡᠳᠡᠭ ᠢ‌ᠤᠬᠠᠭᠠᠷᠠᠳᠠᠭ ᠤᠨ ᠤᠴᠢᠷ᠂ 2014 ᠤᠨ ᠤ 6 ᠰᠠᠷ᠎ᠠ ᠳᠤ ᠪᠡᠬᠡᠵᠢᠩ ᠤᠨ ᠰᠢᠤᠳᠠᠨ ᠤ ᠶᠡᠭᠡ ᠰᠤᠷᠭᠠᠭᠤᠯᠢ ᠳᠤ ᠰᠤᠷᠤᠯᠴᠠᠵᠤ ᠪᠠᠶᠢᠭ᠎ᠠ ᠮᠤᠩᠭᠤᠯ ᠤᠶᠤᠳᠠᠳ ᠮᠠᠨᠢ ︽ᠡᠬᠡᠰᠢᠭ ᠳᠤᠯᠤᠭ᠎ᠠ︾ ᠡᠬᠡ ᠬᠡᠯᠡᠨ ᠤ ᠵᠢᠷᠬᠢᠶ᠎ᠡ ᠶᠢᠨ ᠳᠠᠪᠴᠠᠩ ᠨᠡᠪᠳᠡᠷᠡᠬᠦᠯᠵᠦ᠂ ᠪᠤᠰᠤᠭ᠎ᠠ ᠮᠤᠩᠭᠤᠯ ᠬᠡᠯᠡ ᠪᠠᠨ ᠵᠢᠷᠬᠢᠶ᠎ᠠ ᠶᠢᠨ ᠳᠠᠪᠴᠠᠩ ᠢᠶᠠᠷ ᠮᠤᠩᠭᠤᠯ ᠬᠡᠯᠡ ᠰᠤᠶᠤᠯ ᠰᠤᠷᠬᠤ ᠳᠤᠷᠠᠳᠠᠢ ᠬᠦᠮᠦᠰ ᠲᠤ ᠵᠢᠭᠠᠵᠠᠢ᠃ ᠳᠡᠳᠡᠨᠡᠷ ᠡᠳᠦᠷ ᠪᠦᠷᠢ ᠨᠢᠬᠡ ᠦᠰᠦᠭ᠂ ᠦᠬᠦᠯᠡᠪᠦᠷᠢ ᠶᠢ ᠠᠪᠢᠶ᠎ᠠ ᠦᠰᠦᠭ ᠤᠨ ᠬᠡᠯᠪᠡᠷᠢ ᠪᠠᠷ ᠦᠢᠯᠡᠳᠦᠨ ᠢᠯᠡᠬᠡᠳᠡᠭ᠃ ᠡᠨᠡᠬᠦ ᠰᠢᠨ᠎ᠠ ᠴᠠᠭ ᠦᠶ᠎ᠡ ᠶᠢᠨ ᠤᠷᠤᠰᠬᠠᠯ ᠪᠤᠯᠵᠤ ᠪᠠᠶᠢᠭ᠎ᠠ ᠳᠠᠪᠴᠠᠩ ᠢ ᠠᠩᠬ᠎ᠠ ᠪᠠᠶᠢᠭᠤᠯᠬᠤ ᠳᠤ ᠳᠤᠯᠤᠭᠠᠨ ᠬᠦᠮᠦᠨ ᠢᠶᠠᠷ ᠪᠦᠷᠢᠯᠳᠦᠭᠰᠡᠨ ᠪᠦᠯᠬᠦᠮ ᠭᠠᠷᠳᠠᠨ ᠬᠢᠭᠰᠡᠨ ᠪᠤᠯᠬᠤᠷ ᠨᠢ ᠦᠪᠡᠷ ᠢ ᠪᠠᠨ ᠮᠤᠩᠭᠤᠯ ᠦᠬᠡ ᠦᠰᠦᠭ ᠤᠨ ᠨᠢᠷᠤᠭᠤ ᠳᠤᠯᠭᠠᠭᠤᠷᠢ ᠨᠢ ᠪᠤᠯᠳᠠᠭ ︽ᠡᠬᠡᠰᠢᠭ ᠳᠤᠯᠤᠭ᠎ᠠ︾᠎ ᠲᠠᠢ ᠵᠦᠢᠷᠯᠡᠨ᠂ ᠦᠪᠡᠷᠰᠡᠳ ᠤᠨ ᠦᠢᠯᠡᠰ ᠲᠡᠭᠡᠨ ᠡᠶᠢᠮᠦᠷᠬᠦ ᠰᠠᠶᠢᠬᠠᠨ ᠨᠡᠷ᠎ᠡ ᠬᠠᠶᠢᠷᠠᠯᠠᠵᠠᠢ᠃ ︽ᠮᠤᠩᠭᠤᠯ ᠬᠡᠯᠡ ᠰᠤᠶᠤᠯ ᠢᠶᠠᠨ ᠤᠯᠠᠮᠵᠢᠯᠠᠵᠤ ᠳᠡᠯᠬᠡᠷᠡᠬᠦᠯᠬᠦ ᠶᠠᠪᠤᠳᠠᠯ ᠢ ᠪᠢᠳᠡ ᠬᠢᠬᠦ ᠦᠬᠡᠢ ᠪᠤᠯ ᠪᠤᠰᠤᠳ ᠬᠦᠮᠦᠰ ᠨᠡᠩ ᠬᠢᠬᠦ ᠦᠬᠡᠢ᠂ ᠬᠢᠬᠦ ᠬᠦᠮᠦᠨ ᠦᠬᠡᠢ ᠪᠤᠯ ᠤᠳᠤᠬᠢ ᠪᠠᠶᠢᠳᠠᠯ ᠢ ᠦᠬᠡᠷᠡᠴᠢᠯᠡᠵᠦ ᠳᠡᠶᠢᠯᠬᠦ ᠦᠬᠡᠢ᠂ ᠦᠬᠡᠷᠡᠴᠢᠯᠡᠬᠦ ᠦᠬᠡᠢ ᠪᠤᠯ ᠨᠡᠩ ᠰᠠᠶᠢᠵᠢᠷᠠᠵᠤ ᠳᠡᠶᠢᠯᠬᠦ ᠦᠬᠡᠢ︾ ᠬᠡᠵᠦ ᠦᠵᠡᠯ ᠪᠤᠳᠤᠯ ᠨᠢᠬᠡᠳᠦᠭᠰᠡᠨ ᠵᠠᠯᠠᠭᠤᠰ ᠬᠠᠮᠳᠤ ᠶᠢᠨ ᠬᠠᠶᠢᠷᠠᠳᠠᠢ ᠦᠢᠯᠡᠰ ᠢᠶᠠᠨ ᠡᠬᠢᠯᠡᠬᠦᠯᠵᠡᠢ᠃ ᠬᠤᠶᠠᠷ ᠵᠢᠯ ᠤᠨ ᠬᠤᠭᠤᠴᠠᠭᠠᠨ ᠳᠤ ︽ᠡᠬᠡᠰᠢᠭ ᠳᠤᠯᠤᠭ᠎ᠠ︾ ᠪᠦᠯᠬᠦᠮ ᠤᠨ ᠬᠢᠨ ᠳᠤᠤᠭᠠᠷᠪᠠᠯ ᠳᠠᠭᠤ ᠨᠢᠬᠡᠳᠡᠢ ᠳᠤᠭᠳᠤᠷᠪᠠᠯ ᠬᠦᠴᠦᠨ ᠨᠢᠬᠡᠳᠡᠢ ᠵᠢᠳᠬᠦᠵᠦ᠂ ᠬᠠᠮᠳᠤᠪᠡᠷ ᠰᠤᠷᠤᠯᠴᠠᠨ᠂ ᠬᠠᠷᠢᠯᠴᠠᠨ ᠴᠢᠷᠮᠠᠶᠢᠳᠠᠭ᠃ ︽ᠡᠬᠡᠰᠢᠭ ᠳᠤᠯᠤᠭ᠎ᠠ︾  ᠵᠢᠷᠭᠢᠶ᠎ᠡ ᠶᠢᠨ ᠳᠠᠪᠴᠠᠩ ᠤᠨ ᠬᠡᠰᠢᠬᠦᠨ ᠪᠠᠳᠠᠷᠠᠬᠤ᠄ ︽ᠬᠤᠶᠠᠷ ᠵᠢᠯ ᠤᠨ ᠳᠤᠷᠰᠢ ᠪᠢᠳᠡ ᠰᠦᠨᠢ ᠲᠦᠯᠢ ᠪᠤᠯᠳᠠᠯ᠎ᠠ ᠰᠢᠨ᠎ᠠ ᠠᠭᠤᠯᠭ᠎ᠠ ᠶᠢᠨ ᠢᠶᠠᠨ ᠳᠤᠬᠠᠢ ᠶᠠᠷᠢᠯᠴᠠᠵᠤ᠂ ᠠᠰᠠᠷ ᠤᠨ ᠭᠤᠳᠤᠮᠵᠢ ᠳᠤ ᠰᠢᠩᠬᠡᠬᠡᠯᠳᠡ ᠬᠢᠵᠦ᠂ ᠰᠦᠨᠢ ᠲᠦᠯᠢ ᠪᠤᠯᠳᠠᠯ᠎ᠠ ᠠᠭᠤᠯᠭ᠎ᠠ ᠪᠠᠨ ᠨᠠᠶᠢᠷᠠᠭᠤᠯᠤᠨ ᠦᠢᠯᠡᠳᠳᠡᠭ ᠪᠤᠯᠪᠠᠴᠤ ᠪᠢᠳᠡ ᠡᠨᠡᠬᠦ ᠠᠵᠢᠯ ᠢᠶᠠᠨ ᠰᠠᠶᠢᠳᠤᠷ ᠬᠢᠬᠦ ᠶᠢ ᠪᠠᠷᠢᠮᠳᠠᠯᠠᠭᠰᠠᠭᠠᠷ ᠢᠷᠡᠵᠡᠢ᠃ ᠮᠠᠨ ᠤ ᠪᠦᠯᠬᠦᠮ ᠤᠨ ᠬᠦᠮᠦᠨ ᠪᠤᠯᠭᠠᠨ ᠤ ᠴᠢᠷᠮᠠᠶᠢᠯᠠᠭ᠎ᠠ ᠨᠢ ᠡᠬᠡ ᠬᠡᠯᠡ ᠪᠠᠨ ᠠᠯᠳᠠᠭᠰᠠᠨ ᠬᠦᠮᠦᠰ ᠲᠤ ᠬᠠᠪᠰᠤᠷᠤᠯᠭ᠎ᠠ ᠳᠡᠮᠵᠢᠯᠬᠡ ᠪᠤᠯᠵᠤ ᠪᠠᠶᠢᠨ᠎ᠠ ᠬᠡᠵᠦ ᠪᠤᠳᠤᠬᠤ ᠪᠦᠷᠢ ᠪᠢ ᠴᠤ ᠪᠠᠶᠠᠷ ᠪᠠᠶᠠᠰᠤᠯ ᠲᠠᠢ ᠰᠡᠳᠬᠢᠯ ᠳᠡᠨᠢᠬᠦᠨ ᠪᠤᠯᠳᠠᠭ ᠬᠡᠵᠦ ᠪᠠᠶᠢᠯ᠎ᠠ᠃ ᠤᠳᠤᠬᠠᠨ ᠳᠤ ᠮᠠᠨ ᠤ ᠳᠠᠪᠴᠠᠩ ᠢ 3 ᠲᠦᠮᠠ ᠭᠠᠷᠤᠢ ᠬᠦᠮᠦᠰ ᠠᠩᠬᠠᠷᠤᠯ ᠳᠠᠭᠠᠨ ᠠᠪᠴᠤ᠂ ᠡᠳᠦᠷ ᠲᠤ 800 ᠭᠠᠷᠤᠢ ᠬᠦᠮᠦᠰ ᠪᠢᠳᠡᠨ ᠤ ᠮᠡᠳᠡᠭᠡ ᠶᠢ ᠬᠦᠯᠢᠶᠡᠨ ᠠᠪᠴᠤ ᠰᠤᠷᠤᠯᠴᠠᠵᠤ ᠪᠠᠶᠢᠨ᠎ᠠ︾ ᠬᠡᠯ᠎ᠡ᠃ ︽ᠮᠤᠩᠭᠤᠯ ᠰᠦᠯᠳᠡ︾᠎ ᠶᠢᠨ ᠦᠯᠢᠬᠡᠷ᠄ ︽ᠮᠤᠩᠭᠤᠯ ᠰᠦᠯᠳᠡ︾ ᠪᠤᠯ ᠬᠤᠷᠴᠢᠨ ᠨᠤᠳᠤᠭ ᠲᠠᠢ ᠵᠠᠯᠠᠭᠤ ᠬᠡᠨᠳᠡᠨᠵᠠᠪ ᠤᠨ ᠰᠡᠳᠦᠨ ᠡᠷᠬᠢᠯᠡᠵᠦ ᠪᠠᠶᠢᠭ᠎ᠠ ᠳᠤᠰᠬᠠᠢᠢᠯᠠᠨ ᠪᠦᠬᠦ ᠤᠯᠤᠰ ᠤᠨ ᠡᠯ᠎ᠠ ᠭᠠᠵᠠᠷ ᠤᠨ ᠶᠠᠳᠠᠭᠤ ᠬᠦᠴᠢᠷᠳᠡᠯᠳᠡᠢ ᠮᠤᠩᠭᠤᠯ ᠰᠤᠷᠤᠭᠴᠢ ᠶᠢ ᠳᠡᠮᠵᠢᠳᠡᠭ ᠪᠤᠶᠠᠨ ᠤ ᠦᠢᠯᠡᠰ ᠤᠨ ᠪᠦᠯᠬᠦᠮ ᠪᠤᠯᠤᠨ᠎ᠠ᠃ ︽ᠮᠤᠩᠭᠤᠯ ᠰᠦᠯᠳᠡ︾᠎ ᠨᠢ ᠨᠢᠬᠡ ᠶᠢ ᠨᠢᠬᠡ ᠪᠠᠷ ᠳᠤᠰᠠᠯᠠᠬᠤ ᠬᠡᠯᠪᠡᠷᠢ ᠪᠠᠷ ᠶᠠᠳᠠᠭᠤ ᠬᠦᠴᠢᠷᠳᠡᠯᠳᠡᠢ ᠰᠤᠷᠤᠭᠴᠢ ᠶᠢ ᠳᠤᠰᠠᠯᠠᠨ ᠳᠡᠮᠵᠢᠬᠦ ᠰᠠᠨᠠᠭ᠎ᠠ ᠲᠠᠢ ᠪᠤᠷᠬᠠᠨ ᠰᠡᠳᠬᠢᠯᠳᠤ ᠬᠦᠮᠦᠰ ᠪᠠ ᠶᠠᠳᠠᠭᠤ ᠬᠦᠴᠢᠷᠳᠡᠯᠳᠡᠢ ᠰᠤᠷᠤᠭᠴᠢ ᠶᠢᠨ ᠬᠤᠭᠤᠷᠤᠨᠳᠤ ᠨᠢ ᠬᠤᠯᠪᠤᠭᠠᠰᠤ ᠪᠤᠯᠵᠤ ᠬᠠᠷᠢᠯᠴᠠᠨ ᠳᠠᠨᠢᠯᠴᠠᠭᠤᠯᠳᠠᠭ᠃ ᠡᠬᠦᠨ ᠠᠴᠠ ᠭᠠᠳᠠᠨ᠎ᠠ᠂ ᠮᠤᠩᠭᠤᠯ ᠤᠳᠬ᠎ᠠ ᠰᠤᠶᠤᠯ ᠳᠠᠭᠠᠨ ᠬᠠᠶᠢᠷᠠᠳᠠᠢ ᠬᠦᠮᠦᠰ ᠪᠤᠶᠤ ᠳᠡᠳᠡᠨᠡᠷ ᠤᠨ ᠬᠠᠵᠠᠭᠤ ᠬᠠᠪᠢ ᠶᠢᠨ ᠨᠠᠶᠢᠵᠠ ᠨᠦᠬᠦᠳ ᠨᠢ ᠳᠡᠳᠡᠨ ᠤ ᠡᠨᠡᠬᠦ ᠬᠦᠨᠳᠦᠬᠡᠯ ᠪᠢᠰᠢᠷᠡᠯ ᠲᠠᠢ ᠦᠢᠯᠡ ᠠᠵᠢᠯᠯᠠᠭ᠎ᠠ ᠳᠤ ᠢᠳᠡᠪᠬᠢᠳᠡᠢ ᠤᠷᠤᠯᠴᠠᠳᠠᠭ ᠬᠡᠨ᠎ᠡ᠃ ᠬᠤᠯᠠ ᠭᠠᠵᠠᠷ ᠬᠦᠨᠳᠡᠯᠡᠨ ᠤ ᠨᠤᠳᠤᠭ ᠳᠤ ᠠᠵᠢᠯᠯᠠᠵᠤ ᠠᠮᠢᠳᠤᠷᠠᠬᠤ ᠳᠠᠭᠠᠨ ᠨᠤᠳᠤᠭ ᠤᠨ ᠬᠦᠮᠦᠰ ᠮᠠᠨᠢ ᠨᠡᠩ ᠡᠬᠡᠯᠢᠳᠡᠢ ᠰᠠᠨᠠᠭᠳᠠᠬᠤ ᠶᠢᠨ ᠤᠴᠢᠷ ᠨᠤᠳᠤᠭ ᠤᠰᠤᠨ ᠳᠠᠭᠠᠨ ᠬᠦᠴᠦᠨ ᠢᠶᠠᠨ ᠨᠡᠮᠡᠷᠢᠯᠡᠵᠦ᠂ ᠨᠢᠬᠡᠨ ᠤᠳᠬ᠎ᠠ ᠠᠭᠤᠯᠭ᠎ᠠ ᠲᠠᠢ ᠶᠠᠪᠤᠳᠠᠯ ᠬᠢᠵᠦ ᠶᠠᠪᠤᠶ᠎ᠠ ᠬᠡᠮᠡᠨ ᠪᠤᠳᠤᠵᠤ ᠬᠦᠬᠡᠷᠦᠬᠦᠨ ᠶᠦᠮᠦᠷᠯᠢᠭ ᠵᠠᠯᠠᠭᠤ ᠬᠡᠨᠳᠡᠨᠵᠠᠪ 2010 ᠤᠨ ᠤ 9 ᠰᠠᠷ᠎ᠠ ᠳᠤ ᠡᠨᠡᠬᠦ ᠪᠦᠯᠬᠦᠮ ᠢᠶᠠᠨ ᠪᠠᠶᠢᠭᠤᠯᠤᠭᠰᠠᠨ ᠶᠤᠮ᠃ ᠬᠡᠨᠳᠡᠨᠵᠠᠪ᠄ ︽ᠮᠢᠨᠦ ᠪᠠᠭ᠎ᠠ ᠶᠢᠨ ᠦᠶ᠎ᠡ ᠳᠤ ᠡᠵᠢ ᠮᠠᠨᠢ ᠴᠢᠰᠤ ᠴᠠᠶᠢᠬᠤ ᠡᠪᠡᠳᠴᠢᠨ ᠢᠶᠠᠷ ᠨᠠᠰᠤ ᠪᠠᠷᠠᠭᠰᠠᠨ ᠪᠤᠯᠬᠤᠷ ᠮᠠᠨ ᠤ ᠠᠮᠢᠳᠤᠷᠠᠯ ᠲᠦᠢᠯ ᠤᠨ ᠬᠦᠴᠢᠷᠳᠡᠯᠳᠡᠢ᠂ ᠰᠤᠷᠭᠠᠭᠤᠯᠢ ᠳᠤ ᠪᠢᠴᠢᠭ ᠦᠵᠡᠵᠦ ᠪᠠᠶᠢᠬᠤ ᠳᠠᠭᠠᠨ ᠰᠤᠷᠤᠯᠭ᠎ᠠ ᠶᠢᠨ ᠰᠦᠢᠳᠬᠡᠯ ᠢᠶᠠᠨ ᠳᠤᠰᠢᠶᠠᠵᠤ ᠳᠡᠶᠢᠯᠬᠦ ᠦᠬᠡᠢ ᠬᠡᠷ ᠲᠡᠭᠡᠨ ᠬᠦᠬᠡᠬᠡᠭᠳᠡᠵᠦ ᠶᠠᠪᠤᠳᠠᠭ ᠤᠴᠢᠷ ᠳᠠᠩᠳᠠ ᠤᠯᠠᠨ ᠳᠤᠬᠢᠶᠠᠯᠳᠤᠵᠤ ᠪᠠᠶᠢᠵᠠᠢ᠃ ᠨᠡᠩ ᠴᠤ ᠪᠠᠭ᠎ᠠ ᠶᠢᠨ ᠦᠶ᠎ᠡ ᠳᠤ ᠡᠷᠳᠡᠨᠢ ᠰᠢᠰᠢ ᠶᠢᠨ ᠪᠤᠤᠪᠤ ᠶᠢ ᠰᠠᠷ᠎ᠠ ᠪᠠᠷ ᠢᠳᠡᠵᠦ ᠪᠠᠶᠢᠭᠰᠠᠨ ᠰᠢᠤ᠂ ᠳᠡᠬᠡᠬᠦ ᠪᠠᠷ ᠢᠶᠠᠨ ᠶᠠᠳᠠᠭᠤ ᠬᠦᠴᠢᠷᠳᠡᠯᠳᠡᠢ ᠰᠤᠷᠤᠭᠴᠢ ᠶᠢᠨ ᠬᠦᠴᠢᠷ ᠵᠤᠪᠠᠭᠤᠷᠢ ᠶᠢ ᠰᠡᠳᠬᠢᠯ ᠢᠶᠠᠷ ᠢᠶᠠᠨ ᠮᠡᠳᠡᠷᠡᠳᠡᠭ ᠤᠨ ᠤᠴᠢᠷ ᠠᠮᠢᠳᠤᠷᠠᠯ ᠤᠨ ᠬᠦᠴᠢᠷ ᠵᠤᠪᠠᠭᠤᠷᠢ ᠠᠴᠠ ᠪᠤᠯᠵᠤ ᠰᠤᠷᠤᠯᠭ᠎ᠠ ᠪᠠᠨ ᠦᠷᠬᠦᠯᠵᠢᠯᠡᠬᠦᠯᠵᠦ ᠴᠢᠳᠠᠬᠤ ᠦᠬᠡᠢ ᠰᠤᠷᠤᠭᠴᠢᠳ ᠢ ᠳᠡᠮᠵᠢᠨ ᠳᠤᠰᠠᠯᠠᠵᠤ ᠶᠠᠪᠤᠶ᠎ᠠ ᠬᠡᠮᠡᠬᠦ ᠪᠤᠳᠤᠯ ᠢᠶᠠᠷ ᠡᠨᠡᠬᠦ ᠪᠤᠶᠠᠨ ᠤ ᠦᠢᠯᠡᠰ ᠢ ᠡᠷᠬᠢᠯᠡᠵᠡᠢ︾ ᠬᠡᠯ᠎ᠡ᠃ ︵ᠨᠠᠪᠴᠢ︶ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号