ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ  ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠲᠦᠷᠢᠮ
ᠨᠡᠶᠢᠲᠡᠯᠡᠭᠰᠡᠨ ᠴᠠᠭ᠄
2020-06-17
   ︵1999 ᠣᠨ ᠤ 11 ᠰᠠᠷ᠎ᠠ ᠶᠢᠨ 29᠎ ᠤ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠨ ᠬᠤᠶᠠᠳᠣᠭᠠᠷ ᠬᠤᠷᠠᠯ ᠠᠴᠠ ᠪᠠᠳᠣᠯᠠᠵᠣ᠂ 2006 ᠣᠨ ᠤ 7 ᠰᠠᠷ᠎ᠠ ᠶᠢᠨ 28᠎ ᠤ ᠡᠳᠦᠷ ᠦᠪᠦᠷ ᠮᠣᠩᠭᠤᠯ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠣᠭᠠᠷ ᠬᠤᠷᠠᠯ ᠠᠴᠠ ᠵᠠᠰᠠᠪᠣᠷᠢ ᠣᠷᠣᠭᠤᠯᠵᠣ ᠳᠣᠭᠳᠠᠭᠠᠪᠠ︶          ᠦᠪᠦᠷ ᠮᠣᠩᠭᠤᠯ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ                            ᠲᠦᠴᠢᠳᠦᠭᠡᠷ ᠳᠣᠭᠠᠳᠣ    2006 ᠣᠨ ᠤ 7 ᠰᠠᠷ᠎ᠠ ᠶᠢᠨ 28᠎ ᠤ ᠡᠳᠦᠷ ᠦᠪᠦᠷ ᠮᠣᠩᠭᠤᠯ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠣᠭᠠᠷ ᠬᠤᠷᠠᠯ ᠠᠴᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠲᠦᠷᠢᠮ︾᠎ ᠳᠤ ᠵᠠᠰᠠᠪᠣᠷᠢ ᠣᠷᠣᠭᠤᠯᠣᠨ ᠳᠣᠭᠳᠠᠭᠠᠵᠣ ᠪᠠᠳᠣᠯᠠᠪᠠ᠃ ᠣᠳᠣ ᠨᠡᠶᠢᠳᠡᠯᠡᠶ᠎ᠡ᠂ ᠨᠡᠶᠢᠳᠡᠯᠡᠭᠰᠡᠨ ᠡᠳᠦᠷ ᠎ ᠠᠴᠠ ᠨᠢ ᠡᠬᠢᠯᠡᠨ ᠬᠡᠷᠡᠭᠵᠢᠭᠦᠯᠦᠨ᠎ᠡ᠃                          2006 ᠣᠨ ᠤ 7 ᠰᠠᠷ᠎ᠠ ᠶᠢᠨ 28᠎ ᠤ ᠡᠳᠦᠷ         ᠨᠢᠭᠡᠳᠦᠭᠡᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠣᠯᠠᠨ ᠲᠦᠮᠡᠨ ᠲᠠᠢ ᠨᠢᠭᠳᠠ ᠬᠠᠷᠢᠯᠴᠠᠬᠤ ᠪᠠᠨ ᠴᠢᠩᠭᠠᠳᠬᠠᠵᠣ᠂ ᠵᠠᠬᠢᠳᠠᠯ ᠰᠣᠷᠪᠣᠯᠵᠢᠯᠠᠭ᠎ᠠ ᠬᠢᠭᠴᠢ ᠶᠢᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ᠵᠠᠬᠢᠳᠠᠯ ᠰᠣᠷᠪᠣᠯᠵᠢᠯᠠᠭ᠎ᠠ ᠎ ᠶᠢᠨ ᠡᠮᠬᠢ ᠵᠢᠷᠣᠮ ᠢ ᠬᠠᠮᠠᠭᠠᠯᠠᠵᠣ᠂ ᠡᠶ᠎ᠡ ᠨᠠᠶᠢᠷᠠᠮᠳᠠᠭᠤ ᠨᠡᠶᠢᠭᠡᠮ ᠤᠨ ᠪᠠᠶᠢᠭᠤᠯᠣᠯᠳᠠ ᠶᠢ ᠠᠬᠢᠭᠤᠯᠬᠤ ᠶᠢᠨ ᠲᠦᠯᠦᠭᠡ᠂ ᠬᠠᠣᠯᠢ ᠴᠠᠭᠠᠵᠠ᠂ ᠬᠠᠣᠯᠢ ᠳᠣᠭᠳᠠᠭᠠᠯ ᠤᠨ ᠬᠤᠯᠪᠣᠭᠳᠠᠯ ᠪᠦᠬᠦᠢ ᠳᠣᠭᠳᠠᠭᠠᠯ ᠢ ᠦᠨᠳᠦᠰᠦᠯᠡᠨ᠂ ᠦᠪᠡᠷᠳᠡᠭᠡᠨ ᠵᠠᠰᠠᠬᠤ ᠣᠷᠣᠨ ᠤ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ᠂ ᠳᠣᠰ ᠲᠦᠷᠢᠮ ᠢ ᠳᠣᠭᠳᠠᠭᠠᠪᠠ᠃     ᠬᠤᠶᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠳᠣᠰ ᠪᠡᠶ᠎ᠡ ᠶᠢᠨ ᠰᠢᠨᠵᠢ ᠴᠢᠨᠠᠷ ᠪᠠ ᠡᠷᠬᠡ ᠳᠣᠰᠢᠶᠠᠯ ᠭᠦᠢᠴᠡᠳᠭᠡᠬᠦ ᠣᠨᠴᠠᠯᠢᠭ ᠢᠶᠠᠨ ᠦᠨᠳᠦᠰᠦᠯᠡᠨ᠂ ︽ᠬᠠᠷᠢᠶ᠎ᠠ ᠣᠷᠣᠨ ᠢᠶᠠᠨ ᠬᠠᠮᠢᠶᠠᠷᠬᠤ᠂ ᠱᠠᠳᠣ ᠱᠠᠳᠣ ᠪᠠᠷ ᠬᠠᠷᠢᠭᠤᠴᠠᠬᠤ᠂ ᠬᠡᠨ ᠭᠤᠣᠯᠯᠠᠨ ᠬᠠᠮᠢᠶᠠᠷᠪᠠᠯ ᠬᠡᠨ ᠬᠠᠷᠢᠭᠤᠴᠠᠬᠤ᠂ ᠠᠰᠠᠭᠤᠳᠠᠯ ᠢ ᠬᠠᠣᠯᠢ ᠶᠣᠰᠣᠭᠠᠷ᠂ ᠴᠠᠭ ᠳᠣᠬᠠᠢ ᠳᠤ ᠨᠢ᠂ ᠳᠣᠬᠠᠢ ᠎ ᠶᠢᠨ ᠭᠠᠵᠠᠷ ᠲᠤ ᠨᠢ ᠰᠢᠢᠳᠪᠦᠷᠢᠯᠡᠬᠦ ᠪᠣᠯᠣᠨ ᠬᠦᠳᠦᠯᠦᠨ ᠵᠢᠯᠣᠭᠤᠳᠴᠣ ᠰᠣᠷᠭᠠᠨ ᠬᠦᠮᠦᠵᠢᠭᠦᠯᠬᠦ ᠶᠢ ᠣᠶᠠᠯᠳᠣᠭᠤᠯᠬᠤ︾ ᠵᠠᠷᠴᠢᠮ ᠢ ᠪᠠᠷᠢᠮᠳᠠᠯᠠᠵᠣ᠂ ᠠᠷᠠᠳ ᠢᠷᠭᠡᠳ᠂ ᠬᠠᠣᠯᠢ ᠶᠢᠨ ᠡᠷᠬᠡᠳᠡᠨ ᠪᠣᠶᠣ ᠪᠣᠰᠣᠳ ᠵᠣᠬᠢᠶᠠᠨ ᠪᠠᠶᠢᠭᠤᠯᠣᠯᠳᠠ ᠶᠢᠨ ᠵᠠᠬᠢᠳᠠᠯ ᠰᠣᠷᠪᠣᠯᠵᠢᠯᠠᠭ᠎ᠠ ᠶᠢ ᠨᠠᠷᠢᠨ ᠬᠢᠨᠠᠮᠠᠭᠠᠢ ᠬᠦᠯᠢᠶᠡᠨ ᠠᠪᠴᠣ ᠰᠢᠢᠳᠪᠦᠷᠢᠯᠡᠬᠦ ᠬᠡᠷᠡᠭᠳᠡᠢ᠃     ᠭᠤᠷᠪᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠡᠳᠦᠷ ᠳᠣᠳᠣᠮ ᠤᠨ ᠴᠢᠬᠤᠯᠠ ᠵᠦᠪᠯᠡᠬᠦ ᠵᠦᠢᠯ ᠳᠤ ᠪᠠᠨ ᠣᠷᠣᠭᠤᠯᠵᠣ᠂ ᠳᠣᠰ ᠱᠠᠳᠣᠨ ᠤ ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ ᠶᠢᠨ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢᠯᠡᠬᠦᠯᠬᠦ ᠎ ᠪᠠᠷ ᠳᠣᠰᠢᠶᠠᠨ ᠦᠭᠭᠦᠭᠰᠡᠨ ᠪᠣᠶᠣ ᠰᠢᠢᠳᠪᠦᠷᠢᠯᠡᠬᠦᠯᠬᠦ ᠪᠠᠷ ᠰᠢᠯᠵᠢᠭᠦᠯᠦᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠎ ᠶᠢᠨ ᠵᠦᠢᠯᠡᠰ ᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠳᠣᠬᠠᠢ ᠮᠡᠳᠡᠭᠦᠯᠦᠯᠳᠡ ᠶᠢ ᠳᠣᠭᠳᠠᠮᠠᠯ ᠬᠤᠭᠤᠴᠠᠭ᠎ᠠ ᠎ ᠲᠠᠢ ᠪᠠᠷ ᠰᠣᠨᠣᠰᠴᠣ᠂ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠳᠤ ᠬᠢᠨᠠᠯᠳᠠ ᠳᠠᠯᠪᠢᠬᠤ ᠳᠣᠰᠢᠶᠠᠯ ᠴᠢᠳᠠᠪᠣᠷᠢ ᠪᠠᠨ ᠴᠢᠩᠭᠠᠷᠠᠭᠤᠯᠵᠣ᠂ ᠵᠠᠰᠠᠭ ᠵᠠᠬᠢᠷᠭᠠᠨ ᠤ ᠪᠠᠶᠢᠭᠤᠯᠣᠯᠭ᠎ᠠ ᠶᠢᠨ ᠬᠠᠣᠯᠢ ᠶᠣᠰᠣᠭᠠᠷ ᠵᠠᠰᠠᠭ ᠪᠠᠷᠢᠬᠤ᠂ ᠬᠠᠣᠯᠢ ᠶᠠᠪᠣᠭᠤᠯᠬᠤ ᠪᠠᠶᠢᠭᠤᠯᠣᠯᠭ᠎ᠠ ᠶᠢᠨ ᠲᠦᠪ ᠭᠤᠣᠯᠴᠢ ᠪᠠᠷ ᠬᠠᠣᠯᠢ ᠶᠠᠪᠣᠭᠤᠯᠬᠤ ᠶᠢ ᠰᠢᠪᠠᠳᠠᠭᠤᠯᠬᠤ ᠬᠡᠷᠡᠭᠳᠡᠢ᠃     ᠲᠦᠷᠪᠡᠳᠦᠭᠡᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠤᠨ ᠪᠦᠷᠢᠯᠳᠦᠭᠦᠨ ᠨᠠᠷ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠴᠢᠬᠤᠯᠠᠴᠢᠯᠠᠵᠣ᠂ ᠴᠢᠬᠤᠯᠠ ᠵᠠᠬᠢᠳᠠᠯ ᠰᠣᠷᠪᠣᠯᠵᠢᠯᠠᠭ᠎ᠠ ᠶᠢ ᠦᠵᠡᠵᠦ ᠴᠣᠬᠤᠯᠠᠪᠣᠷᠢᠯᠠᠨ᠂ ᠴᠢᠬᠤᠯᠠ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ᠂ ᠨᠡᠯᠢᠶᠡᠳ ᠶᠡᠭᠡ ᠨᠦᠯᠦᠭᠡ ᠲᠠᠢ ᠨᠡᠶᠢᠳᠡᠯᠢᠭ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠣᠳᠣᠯᠵᠣ ᠰᠢᠢᠳᠪᠦᠷᠢᠯᠡᠬᠦ ᠬᠡᠷᠡᠭᠳᠡᠢ᠃     ᠳᠠᠪᠣᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠳᠤ ᠬᠢ ᠦᠢᠯᠡᠳᠦᠯ ᠢ ᠭᠦᠢᠴᠡᠳ ᠪᠠᠳᠠᠷᠠᠭᠤᠯᠣᠨ᠂ ᠢᠳᠡᠪᠬᠢᠳᠡᠢ ᠪᠠᠷ ᠨᠦᠬᠦᠴᠡᠯ ᠪᠦᠷᠢᠯᠳᠦᠭᠦᠯᠦᠨ ᠦᠭᠴᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠢ ᠵᠣᠬᠢᠶᠠᠨ ᠪᠠᠶᠢᠭᠤᠯᠵᠣ᠂ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠬᠤ ᠳᠤ ᠣᠷᠣᠯᠴᠠᠭᠤᠯᠬᠤ ᠬᠡᠷᠡᠭᠳᠡᠢ᠃    ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠢᠢᠳᠪᠦᠷᠢᠯᠡᠭᠦᠯᠬᠦ ᠪᠠᠷ ᠳᠣᠰᠢᠶᠠᠭᠰᠠᠨ ᠵᠠᠬᠢᠳᠠᠯ ᠰᠣᠷᠪᠣᠯᠵᠢᠯᠠᠭ᠎ᠠ ᠶᠢᠨ ᠶᠠᠪᠣᠳᠠᠯ ᠢ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠦᠴᠢᠷ ᠨᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠵᠢᠷᠣᠮ ᠢᠶᠠᠷ ᠰᠢᠢᠳᠪᠦᠷᠢᠯᠡᠬᠦ ᠶᠢᠨ ᠬᠠᠮᠳᠣ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠲᠤ ᠬᠠᠷᠢᠭᠤ ᠳᠣᠰᠬᠠᠬᠤ ᠬᠡᠷᠡᠭᠳᠡᠢ᠃     ᠵᠢᠷᠭᠤᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠣᠣᠷᠠᠬᠢ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠣ ᠰᠢᠢᠳᠪᠦᠷᠢᠯᠡᠬᠦ ᠬᠡᠷᠡᠭᠳᠡᠢ᠄    ︵ᠨᠢᠭᠡ︶ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠎ ᠶᠢᠨ ᠬᠤᠷᠢᠶ᠎ᠠ ᠶᠢᠨ ᠠᠵᠢᠯ᠂ ᠨᠡᠶᠢᠳᠡᠯᠡᠭᠰᠡᠨ ᠣᠷᠣᠨ ᠨᠣᠳᠤᠭ ᠤᠨ ᠴᠢᠨᠠᠷ ᠲᠠᠢ ᠬᠠᠣᠯᠢ ᠳᠣᠭᠳᠠᠭᠠᠯ ᠪᠠ ᠪᠠᠳᠣᠯᠠᠭᠰᠠᠨ ᠰᠢᠢᠳᠪᠦᠷᠢ᠂ ᠳᠣᠭᠳᠠᠭᠠᠯ ᠤᠨ ᠳᠣᠬᠠᠢ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ︔    ︵ᠬᠤᠶᠠᠷ︶ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠪᠠ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠰᠣᠩᠭᠤᠨ ᠭᠠᠷᠭᠠᠭᠰᠠᠨ ᠳᠡᠭᠡᠷ᠎ᠡ ᠨᠢᠭᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ᠂ ᠰᠠᠨᠠᠯ ᠪᠠ ᠬᠠᠣᠯᠢ ᠠᠴᠠ ᠵᠦᠷᠢᠴᠡᠭᠰᠡᠨ ᠠᠵᠢᠯᠯᠠᠭ᠎ᠠ ᠶᠢᠨ ᠳᠣᠬᠠᠢ ᠢᠯᠡᠴᠢᠯᠡᠨ ᠮᠡᠳᠡᠭᠦᠯᠦᠯᠳᠡ ᠪᠠ ᠵᠠᠭᠠᠯᠳᠣᠯᠭ᠎ᠠ︔    ︵ᠭᠤᠷᠪᠠ︶ ᠳᠣᠰ ᠱᠠᠳᠣᠨ ᠤ ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠶᠢᠨ ᠦᠨᠳᠦᠰᠦᠨ ᠬᠠᠣᠯᠢ᠂ ᠬᠠᠣᠯᠢ ᠴᠠᠭᠠᠵᠠ᠂ ᠬᠠᠣᠯᠢ ᠳᠣᠭᠳᠠᠭᠠᠯ ᠠᠴᠠ ᠵᠦᠷᠢᠴᠡᠭᠰᠡᠨ ᠠᠵᠢᠯᠯᠠᠭ᠎ᠠ ᠶᠢᠨ ᠳᠣᠬᠠᠢ ᠭᠤᠮᠣᠳᠠᠯ ᠳᠣᠭᠠᠴᠢᠯᠳᠠ᠂ ᠢᠯᠡᠴᠢᠯᠡᠨ ᠮᠡᠳᠡᠬᠦᠯᠦᠯᠳᠡ ᠪᠠ ᠵᠠᠭᠠᠯᠳᠣᠯᠭ᠎ᠠ︔    ︵ᠲᠦᠷᠪᠡ︶ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠭᠦᠨ ᠤ ᠪᠠᠶᠢᠩᠭᠤ ᠎ ᠶᠢᠨ ᠬᠤᠷᠢᠶ᠎ᠠ ᠶᠢᠨ ᠰᠣᠩᠭᠤᠭᠰᠠᠨ᠂ ᠳᠣᠮᠢᠯᠠᠭᠰᠠᠨ ᠲᠦᠷᠦ ᠶᠢᠨ ᠪᠠᠶᠢᠭᠤᠯᠣᠯᠭ᠎ᠠ ᠶᠢᠨ ᠠᠵᠢᠯᠳᠠᠨ ᠤ ᠬᠠᠣᠯᠢ ᠠᠴᠠ ᠵᠦᠷᠢᠴᠡᠨ ᠳᠣᠰᠢᠶᠠᠯ ᠢᠶᠠᠨ ᠭᠤᠳᠣᠭᠠᠭᠰᠠᠨ ᠠᠵᠢᠯᠯᠠᠭ᠎ᠠ ᠶᠢᠨ ᠳᠣᠬᠠᠢ ᠢᠯᠡᠴᠢᠯᠡᠨ ᠮᠡᠳᠡᠬᠦᠯᠦᠯᠳᠡ ᠪᠠ ᠵᠠᠭᠠᠯᠳᠠᠯᠭ᠎ᠠ︔    ︵ᠳᠠᠪᠤ︶ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠎ ᠶᠢᠨ ᠡᠷᠬᠡ ᠳᠣᠰᠢᠶᠠᠯ ᠤᠨ ᠬᠡᠪᠴᠢᠶᠡᠨ ᠳᠤ ᠪᠠᠭᠳᠠᠬᠤ ᠪᠣᠰᠣᠳ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ᠃     ᠳᠣᠯᠣᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠪᠠᠶᠢᠭᠤᠯᠣᠮᠵᠢ ᠪᠠᠨ ᠪᠠᠶᠢᠭᠤᠯᠣᠨ ᠳᠡᠭᠦᠯᠳᠡᠷᠵᠢᠭᠦᠯᠵᠦ᠂ ᠠᠵᠢᠯ ᠳᠤ ᠪᠠᠨ ᠵᠣᠬᠢᠴᠠᠭᠰᠠᠨ ᠳᠣᠰᠬᠠᠢ ᠳᠣᠰᠢᠶᠠᠯ ᠲᠠᠢ ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠨ ᠳᠣᠬᠢᠷᠠᠭᠤᠯᠬᠤ ᠬᠡᠷᠡᠭᠳᠡᠢ᠃ ᠳᠡᠭᠦᠨ ᠤ ᠴᠢᠬᠤᠯᠠ ᠪᠦᠬᠦᠢ ᠵᠠᠷᠣᠳᠠᠯ᠂ ᠠᠵᠢᠯ ᠤᠨ ᠨᠦᠬᠦᠴᠡᠯ ᠪᠠ ᠬᠦᠯᠢᠶᠡᠨ ᠠᠪᠬᠤ ᠳᠠᠯᠠᠪᠠᠢ ᠳᠠᠯᠠᠪᠣᠷ ᠢ ᠪᠠᠳᠣᠯᠠᠬᠤ ᠶᠢᠨ ᠬᠠᠮᠳᠣ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠪᠠᠶᠢᠭᠤᠯᠣᠮᠵᠢ ᠶᠢᠨ ᠬᠠᠶ᠋ᠢᠭ᠂ ᠬᠠᠷᠢᠯᠴᠠᠬᠤ ᠣᠳᠠᠰᠣ᠂ ᠢᠮᠧᠯ ᠤᠨ ᠨᠣᠮᠧᠷ ᠢ ᠨᠡᠶᠢᠭᠡᠮ ᠳᠤ ᠢᠯᠡ ᠨᠡᠶᠢᠳᠡᠯᠡᠬᠦ ᠬᠡᠷᠡᠭᠳᠡᠢ᠃     ᠨᠠᠢᠮᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠪᠣᠯ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠣ ᠰᠢᠢᠳᠪᠦᠷᠢᠯᠡᠬᠦ ᠳᠣᠰᠬᠠᠢ ᠪᠠᠶᠢᠭᠤᠯᠣᠮᠵᠢ ᠪᠣᠯᠬᠤ ᠪᠦᠭᠡᠳ ᠳᠣᠣᠷᠠᠬᠢ ᠳᠣᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠡ᠄    ︵ᠨᠢᠭᠡ︶ ᠵᠠᠬᠢᠳᠠᠯ ᠰᠣᠷᠪᠣᠯᠵᠢᠯᠠᠭ᠎ᠠ ᠬᠢᠭᠴᠢ ᠶᠢᠨ ᠳᠣᠷᠠᠳᠣᠭᠰᠠᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠣ ᠰᠢᠢᠳᠪᠦᠷᠢᠯᠡᠬᠦ᠂ ᠰᠢᠢᠳᠪᠦᠷᠢᠯᠡᠭᠦᠯᠬᠦ ᠪᠠᠷ ᠳᠣᠰᠢᠶᠠᠨ ᠦᠭᠬᠦ᠂ ᠰᠢᠢᠳᠪᠦᠷᠢᠯᠡᠭᠦᠯᠬᠦ ᠪᠠᠷ ᠰᠢᠯᠵᠢᠭᠦᠯᠦᠨ ᠦᠭᠬᠦ︔    ︵ᠬᠤᠶᠠᠷ︶ ᠠᠳᠠᠯᠢ ᠱᠠᠳᠣᠨ ᠤ ᠨᠠᠮ ᠤᠨ ᠬᠤᠷᠢᠶ᠎ᠠ ᠪᠠ ᠳᠡᠭᠡᠳᠦ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠢᠶᠠᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠪᠠ ᠰᠢᠢᠳᠪᠦᠷᠢᠯᠡᠭᠦᠯᠬᠦ ᠪᠠᠷ ᠰᠢᠯᠵᠢᠭᠦᠯᠦᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠬᠦ︔    ︵ᠭᠤᠷᠪᠠ︶ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠳᠡᠭᠦᠨ ᠤ ᠡᠷᠬᠢᠯᠡᠭᠴᠢᠳ ᠤᠨ ᠬᠤᠷᠠᠯ ᠤᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠬᠦ︔    ︵ᠲᠦᠷᠪᠡ︶ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠢ ᠰᠢᠪᠠᠳᠠᠭᠤᠯᠬᠤ᠂ ᠪᠠᠶᠢᠴᠠᠭᠠᠬᠤ᠂ ᠣᠯᠠᠨ ᠳᠤ ᠨᠡᠶᠢᠳᠡᠯᠡᠨ ᠮᠡᠳᠡᠭᠳᠡᠬᠦ︔    ︵ᠳᠠᠪᠤ︶ ᠴᠢᠬᠤᠯᠠ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠵᠣᠬᠢᠴᠠᠭᠤᠯᠣᠨ ᠰᠢᠢᠳᠪᠦᠷᠢᠯᠡᠬᠦ︔    ︵ᠵᠢᠷᠭᠤᠭ᠎ᠠ︶ ᠵᠠᠬᠢᠳᠠᠯ ᠰᠣᠷᠪᠣᠯᠵᠢᠯᠠᠭ᠎ᠠ ᠶᠢᠨ ᠪᠠᠶᠢᠳᠠᠯ ᠢ ᠰᠣᠳᠣᠯᠣᠨ ᠵᠠᠳᠠᠯᠵᠣ᠂ ᠴᠠᠭ ᠳᠣᠬᠠᠢ ᠳᠤ ᠨᠢ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠳᠡᠭᠦᠨ ᠤ ᠡᠷᠬᠢᠯᠡᠭᠴᠢᠳ ᠤᠨ ᠬᠤᠷᠠᠯ ᠳᠤ ᠵᠠᠬᠢᠳᠠᠯ ᠰᠣᠷᠪᠣᠯᠵᠢᠯᠠᠭ᠎ᠠ ᠶᠢᠨ ᠬᠦᠳᠡᠯᠦᠯ ᠪᠠᠶᠢᠳᠠᠯ ᠢ ᠳᠣᠰᠬᠠᠬᠤ ᠶᠢᠨ ᠬᠠᠮᠳᠣ ᠰᠠᠨᠠᠭᠤᠯᠭ᠎ᠠ ᠳᠣᠷᠠᠳᠬᠤ᠃     ᠶᠢᠰᠦᠳᠦᠭᠡᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠣᠰᠬᠠᠢ ᠵᠦᠪᠯᠡᠯ ᠪᠠ ᠪᠠᠶᠢᠩᠭᠤ ᠶᠢᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ ᠴᠦᠮ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠣ ᠰᠢᠢᠳᠪᠦᠷᠢᠯᠡᠬᠦ ᠳᠣᠰᠢᠶᠠᠯ ᠬᠠᠷᠢᠭᠤᠴᠠᠯᠭ᠎ᠠ ᠲᠠᠢ ᠪᠠᠶᠢᠵᠣ᠂ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠠᠪᠴᠣ ᠰᠢᠢᠳᠪᠦᠷᠢᠯᠡᠬᠦ ᠠᠵᠢᠯ ᠤᠨ ᠵᠢᠷᠣᠮ ᠢᠶᠠᠨ ᠪᠠᠶᠢᠭᠤᠯᠣᠨ ᠳᠡᠭᠦᠯᠳᠡᠷᠵᠢᠭᠦᠯᠬᠦ ᠬᠡᠷᠡᠭᠳᠡᠢ᠃ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠣᠰᠬᠠᠢ ᠵᠦᠪᠯᠡᠯ ᠪᠠ ᠪᠠᠶᠢᠩᠭᠤ ᠶᠢᠨ ᠬᠤᠷᠢᠶ᠎ᠠ ᠶᠢᠨ ᠡᠯ᠎ᠡ ᠰᠠᠯᠠᠭ᠎ᠠ ᠮᠦᠴᠢᠷ ᠪᠣᠯᠣᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠤᠨ ᠬᠤᠭᠤᠷᠣᠨᠳᠣ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠯᠴᠠᠬᠤ ᠲᠦᠷᠢᠮ ᠪᠠᠶᠢᠭᠤᠯᠵᠣ᠂ ᠵᠠᠬᠢᠳᠠᠯ ᠰᠣᠷᠪᠣᠯᠵᠢᠯᠠᠭ᠎ᠠ ᠶᠢ ᠰᠢᠢᠳᠪᠦᠷᠢᠯᠡᠭᠰᠡᠨ ᠪᠠᠶᠢᠳᠠᠯ ᠢ ᠳᠣᠭᠳᠠᠮᠠᠯ ᠬᠤᠭᠤᠴᠠᠭ᠎ᠠ ᠲᠠᠢ ᠪᠠᠷ ᠢᠯᠡ ᠨᠡᠶᠢᠳᠡᠯᠡᠨ ᠮᠡᠳᠡᠭᠳᠡᠬᠦ ᠬᠡᠷᠡᠭᠳᠡᠢ᠃     ᠠᠷᠪᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠣᠯᠭ᠎ᠠ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠡᠩᠨᠡᠭᠡ ᠎ ᠶᠢᠨ ᠪᠠᠶᠢᠭᠤᠯᠣᠯᠳᠠ ᠶᠢ ᠴᠢᠬᠤᠯᠠᠴᠢᠯᠠᠨ ᠴᠢᠩᠭᠠᠳᠬᠠᠵᠣ᠂ ᠵᠣᠬᠢᠬᠤ ᠣᠯᠣᠰ ᠲᠦᠷᠦ ᠶᠢᠨ ᠮᠡᠳᠡᠯᠭᠡ ᠪᠣᠯᠪᠠᠰᠣᠷᠠᠯ᠂ ᠬᠠᠣᠯᠢ ᠴᠠᠭᠠᠵᠠ ᠶᠢᠨ ᠮᠡᠳᠡᠯᠭᠡ ᠪᠣᠯᠪᠠᠰᠣᠷᠠᠯ ᠪᠠ ᠳᠣᠬᠠᠢᠢᠯᠠᠭᠰᠠᠨ ᠠᠵᠢᠯ ᠤᠨ ᠮᠡᠳᠡᠯᠭᠡ ᠪᠣᠯᠪᠠᠰᠣᠷᠠᠯ ᠲᠠᠢ ᠬᠦᠮᠦᠰ ᠢ ᠰᠣᠩᠭᠤᠨ ᠳᠡᠪᠰᠢᠭᠦᠯᠵᠦ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠬᠢᠯᠭᠡᠬᠦ ᠬᠡᠷᠡᠭᠳᠡᠢ᠃    ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠳ ᠳᠣᠰᠢᠶᠠᠯ ᠤᠨ ᠰᠠᠬᠢᠯᠭ᠎ᠠ ᠪᠠᠳᠣ ᠪᠠᠨ ᠴᠢᠩᠭ᠎ᠠ ᠰᠠᠬᠢᠵᠣ᠂ ᠲᠦᠪ ᠭᠤᠣᠯᠴᠢ ᠪᠠᠷ ᠬᠡᠷᠡᠭ ᠰᠢᠢᠳᠪᠦᠷᠢᠯᠡᠨ᠂ ᠠᠵᠢᠯ ᠤᠨ ᠬᠢᠷᠢ ᠲᠦᠪᠰᠢᠨ ᠢᠶᠠᠨ ᠳᠠᠰᠣᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ᠃     ᠠᠷᠪᠠᠨ ᠨᠢᠭᠡᠳᠦᠭᠡᠷ ᠵᠦᠢᠯ ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠳ ᠤᠨ ᠬᠠᠣᠯᠢ ᠶᠣᠰᠣᠭᠠᠷ ᠠᠯᠪᠠᠨ ᠡᠭᠦᠷᠭᠡ ᠪᠠᠨ ᠭᠦᠢᠴᠡᠳᠭᠡᠬᠦ ᠨᠢ ᠬᠠᠣᠯᠢ ᠴᠠᠭᠠᠵᠠ ᠳᠤ ᠬᠠᠮᠠᠭᠠᠯᠠᠭᠳᠠᠨ᠎ᠠ᠃ ᠳᠡᠳᠡᠨ ᠤ ᠪᠡᠶ᠎ᠡ ᠶᠢᠨ ᠡᠷᠬᠡ ᠴᠢᠯᠦᠭᠡ ᠪᠠ ᠪᠡᠶ᠎ᠡ ᠶᠢᠨ ᠠᠮᠣᠷ ᠲᠦᠪᠰᠢᠨ ᠨᠢ ᠬᠠᠯᠳᠠᠯᠭ᠎ᠠ ᠳᠤ ᠣᠴᠠᠷᠠᠬᠤ ᠦᠶ᠎ᠡ ᠳᠤ᠂ ᠳᠣᠬᠠᠢ ᠶᠢᠨ ᠭᠠᠵᠠᠷ ᠤᠨ ᠳᠣᠳᠣᠭᠠᠳᠣ ᠎ ᠶᠢ ᠬᠠᠮᠠᠭᠠᠯᠠᠬᠤ ᠰᠠᠯᠠᠭ᠎ᠠ ᠮᠦᠴᠢᠷ ᠪᠠ ᠬᠠᠣᠯᠢ ᠴᠠᠭᠠᠵᠠ ᠶᠢᠨ ᠪᠠᠶᠢᠭᠤᠯᠣᠯᠭ᠎ᠠ ᠴᠠᠭ ᠳᠣᠬᠠᠢ ᠳᠤ ᠨᠢ ᠰᠢᠢᠳᠪᠦᠷᠢᠯᠡᠬᠦ ᠬᠡᠷᠡᠭᠳᠡᠢ᠃     ᠠᠷᠪᠠᠨ ᠬᠤᠶᠠᠳᠣᠭᠠᠷ ᠵᠦᠢᠯ ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠳ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠦᠶ᠎ᠡ ᠳᠤ᠂ ᠵᠠᠬᠢᠳᠠᠯ ᠰᠣᠷᠪᠣᠯᠵᠢᠯᠠᠭ᠎ᠠ ᠬᠢᠭᠴᠢ ᠪᠣᠶᠣ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠲᠠᠢ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠪᠣᠯ ᠵᠠᠶᠢᠯᠠᠰᠬᠢᠬᠤ ᠬᠡᠷᠡᠭᠳᠡᠢ᠃    ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠳ ᠤᠨ ᠵᠠᠶᠢᠯᠠᠰᠬᠢᠬᠤ ᠶᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠳᠣᠭᠳᠠᠭᠠᠨ᠎ᠠ︔ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠤ ᠵᠠᠶᠢᠯᠠᠰᠬᠢᠬᠤ ᠶᠢ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠣᠯᠭ᠎ᠠ ᠶᠢᠨ ᠵᠠᠬᠢᠳᠠᠯ ᠰᠣᠷᠪᠣᠯᠵᠢᠯᠠᠭ᠎ᠠ ᠶᠢ ᠬᠤᠪᠢᠳᠠᠨ ᠬᠠᠮᠢᠶᠠᠷᠴᠣ ᠪᠠᠶᠢᠭ᠎ᠠ ᠬᠠᠷᠢᠭᠤᠴᠠᠯᠭᠠᠳᠠᠨ ᠨᠢ ᠳᠣᠭᠳᠠᠭᠠᠨ᠎ᠠ᠃     ᠠᠷᠪᠠᠨ ᠭᠤᠷᠪᠠᠳᠣᠭᠠᠷ ᠵᠦᠢᠯ ᠵᠠᠬᠢᠳᠠᠯ ᠰᠣᠷᠪᠣᠯᠵᠢᠯᠠᠭ᠎ᠠ ᠬᠢᠭᠴᠢ ᠶᠢᠨ ᠬᠠᠣᠯᠢ ᠶᠣᠰᠣᠨ ᠤ ᠡᠷᠬᠡ ᠠᠰᠢᠭ ᠨᠢ ᠬᠠᠣᠯᠢ ᠶᠣᠰᠣᠭᠠᠷ ᠬᠠᠮᠠᠭᠠᠯᠠᠭᠳᠠᠨ᠎ᠠ᠃ ᠶᠠᠮᠠᠷᠪᠠ ᠵᠣᠬᠢᠶᠠᠨ ᠪᠠᠶᠢᠭᠤᠯᠣᠯᠳᠠ ᠪᠠ ᠬᠤᠪᠢ ᠬᠦᠮᠦᠨ ᠴᠦᠮ ᠵᠠᠬᠢᠳᠠᠯ ᠰᠣᠷᠪᠣᠯᠵᠢᠯᠠᠭ᠎ᠠ ᠬᠢᠭᠴᠢ ᠳᠤ ᠴᠣᠬᠢᠯᠳᠠ ᠦᠭᠴᠦ ᠦᠰᠢᠶ᠎ᠡ ᠠᠪᠴᠣ ᠪᠣᠯᠬᠤ ᠦᠭᠡᠢ᠃     ᠠᠷᠪᠠᠨ ᠲᠦᠷᠪᠡᠳᠦᠭᠡᠷ ᠵᠦᠢᠯ ᠵᠠᠬᠢᠳᠠᠯ ᠰᠣᠷᠪᠣᠯᠵᠢᠯᠠᠭ᠎ᠠ ᠬᠢᠭᠴᠢ ᠨᠢ ᠵᠠᠬᠢᠳᠠᠯ ᠰᠣᠷᠪᠣᠯᠵᠢᠯᠠᠭ᠎ᠠ ᠬᠢᠬᠦ ᠳᠤ ᠪᠠᠨ ᠪᠢᠴᠢᠭ ᠵᠠᠬᠢᠳᠠᠯ᠂ ᠢᠮᠧᠯ᠂ ᠲᠦᠷᠰᠦᠳᠦ ᠳᠠᠮᠵᠢᠭᠤᠯᠭ᠎ᠠ᠂ ᠣᠳᠠᠰᠣ᠂ ᠬᠦᠷᠴᠦ ᠵᠠᠬᠢᠳᠠᠯ ᠰᠣᠷᠪᠣᠯᠵᠢᠯᠠᠭ᠎ᠠ ᠬᠢᠬᠦ ᠵᠡᠷᠭᠡ ᠬᠡᠯᠪᠡᠷᠢ ᠶᠢ ᠠᠪᠴᠦ ᠪᠣᠯᠬᠤ ᠪᠦᠭᠡᠳ ᠦᠨᠡᠨ ᠪᠣᠳᠠᠳᠣ ᠣᠪᠣᠭ ᠨᠡᠷ᠎ᠡ᠂ ᠰᠠᠭᠤᠵᠣ ᠪᠠᠶᠢᠭ᠎ᠠ ᠭᠠᠵᠠᠷ᠂ ᠬᠠᠷᠢᠯᠴᠠᠬᠤ ᠠᠷᠭ᠎ᠠ ᠮᠠᠶ᠋ᠢᠭ ᠪᠠ ᠭᠤᠶᠣᠴᠢᠯᠠᠯ ᠤᠨ ᠠᠭᠤᠯᠭ᠎ᠠ ᠪᠠᠨ ᠪᠢᠴᠢᠬᠦ ᠬᠡᠷᠡᠭᠳᠡᠢ᠃    ᠣᠯᠠᠨ ᠬᠦᠮᠦᠨ ᠬᠠᠮᠳᠣ ᠪᠠᠷ ᠨᠢᠭᠡ ᠣᠴᠢᠷ ᠢ ᠳᠣᠰᠬᠠᠬᠤ ᠪᠦᠭᠡᠳ ᠦᠨᠡᠨ ᠬᠦ ᠬᠦᠷᠴᠦ ᠵᠠᠬᠢᠳᠠᠯ ᠰᠣᠷᠪᠣᠯᠵᠢᠯᠠᠭ᠎ᠠ ᠬᠢᠬᠦ ᠴᠢᠬᠤᠯᠠ ᠲᠠᠢ ᠪᠣᠯ ᠲᠦᠯᠦᠭᠡᠯᠡᠭᠴᠢ ᠰᠣᠩᠭᠤᠨ ᠳᠠᠨᠢᠯᠴᠠᠭᠤᠯᠵᠣ ᠳᠣᠰᠬᠠᠬᠤ ᠬᠡᠷᠡᠭᠳᠡᠢ᠂ ᠲᠦᠯᠦᠭᠡᠯᠡᠭᠴᠢ ᠶᠢᠨ ᠳᠤᠭ᠎ᠠ ᠨᠢ ᠬᠠᠮᠤᠭ ᠤᠨ ᠣᠯᠠᠨ ᠳᠤ ᠪᠠᠨ 5 ᠬᠦᠮᠦᠨ ᠪᠠᠶᠢᠵᠣ ᠪᠣᠯᠣᠨ᠎ᠠ᠃     ᠠᠷᠪᠠᠨ ᠳᠠᠪᠣᠳᠣᠭᠠᠷ ᠵᠦᠢᠯ ᠠᠷᠠᠳ ᠣᠯᠠᠨ ᠤ ᠵᠠᠬᠢᠳᠠᠯ ᠰᠣᠷᠪᠣᠯᠵᠢᠯᠠᠭ᠎ᠠ ᠶᠢ ᠪᠠᠶᠢᠳᠠᠯ ᠤᠨ ᠢᠯᠭᠠᠭ᠎ᠠ ᠪᠠᠷ ᠨᠢ ᠳᠣᠣᠷᠠᠬᠢ ᠮᠡᠳᠦ ᠪᠠᠷ ᠰᠢᠢᠳᠪᠦᠷᠢᠯᠡᠨ᠎ᠡ᠄    ︵ᠨᠢᠭᠡ︶ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠦᠯᠢᠶᠡᠨ ᠠᠪᠴᠣ ᠰᠢᠢᠳᠪᠦᠷᠢᠯᠡᠬᠦ ᠵᠠᠬᠢᠳᠠᠯ ᠰᠣᠷᠪᠣᠯᠵᠢᠯᠠᠭ᠎ᠠ ᠳᠤ ᠪᠠᠭᠳᠠᠪᠠᠯ᠂ ᠬᠠᠮᠢᠶ᠎ᠠ ᠪᠦᠬᠦᠢ ᠠᠵᠢᠯ ᠤᠨ ᠳᠡᠰ ᠳᠠᠷᠠᠭᠠᠯᠠᠯ ᠢᠶᠠᠷ ᠰᠢᠢᠳᠪᠦᠷᠢᠯᠡᠨ᠎ᠡ︔    ︵ᠬᠤᠶᠠᠷ︶ ᠳᠣᠰ ᠱᠠᠳᠣᠨ ᠤ ᠵᠠᠰᠠᠭ ᠵᠠᠬᠢᠷᠭᠠᠨ᠂ ᠬᠠᠣᠯᠢ ᠶᠠᠪᠣᠭᠤᠯᠬᠤ ᠪᠠᠶᠢᠭᠤᠯᠣᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠰᠢᠢᠳᠪᠦᠷᠢᠯᠡᠬᠦ ᠴᠢᠬᠤᠯᠠ ᠲᠠᠢ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠣᠰ ᠱᠠᠳᠣᠨ ᠤ ᠠᠷᠠᠳ ᠤᠨ ᠵᠠᠰᠠᠭ ᠤᠨ ᠣᠷᠳᠣᠨ᠂ ᠠᠷᠠᠳ ᠤᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠰᠢᠯᠵᠢᠭᠦᠯᠦᠨ ᠳᠣᠰᠢᠶᠠᠵᠣ᠂ ᠳᠣᠣᠷ᠎ᠠ ᠨᠢᠭᠡ ᠱᠠᠳᠣᠨ ᠤ ᠵᠠᠰᠠᠭ ᠵᠠᠬᠢᠷᠭᠠᠨ᠂ ᠬᠠᠣᠯᠢ ᠶᠠᠪᠣᠭᠤᠯᠬᠤ ᠪᠠᠶᠢᠭᠤᠯᠣᠯᠭ᠎ᠠ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠰᠢᠢᠳᠪᠦᠷᠢᠯᠡᠬᠦ ᠴᠢᠬᠤᠯᠠ ᠲᠠᠢ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠣᠣᠷ᠎ᠠ ᠨᠢᠭᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠰᠢᠯᠵᠢᠭᠦᠯᠦᠨ ᠳᠣᠰᠢᠶᠠᠵᠣ ᠰᠢᠢᠳᠪᠦᠷᠢᠯᠡᠭᠦᠯᠬᠦ ᠬᠡᠷᠡᠭᠳᠡᠢ︔    ︵ᠭᠤᠷᠪᠠ︶ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠡ ᠳᠣᠰᠢᠶᠠᠯ ᠤᠨ ᠬᠡᠪᠴᠢᠶᠡᠨ ᠳᠤ ᠪᠠᠭᠳᠠᠬᠤ᠂ ᠨᠡᠯᠢᠶᠡᠳ ᠶᠡᠭᠡ ᠨᠦᠯᠦᠭᠡ ᠳᠣᠰᠬᠠᠯ ᠲᠠᠢ ᠨᠡᠶᠢᠳᠡᠯᠢᠭ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠠᠴᠠ ᠰᠢᠢᠳᠪᠦᠷᠢᠯᠡᠬᠦ ᠶᠠᠪᠣᠳᠠᠯ ᠢ ᠰᠣᠳᠣᠯᠵᠣ᠂ ᠴᠢᠬᠤᠯᠠ ᠲᠠᠢ ᠦᠶ᠎ᠡ ᠳᠤ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠵᠦ ᠬᠢᠨᠠᠨ ᠵᠦᠪᠯᠡᠬᠦᠯᠦᠨ᠎ᠡ︔    ︵ᠲᠦᠷᠪᠡ︶ ᠬᠦᠴᠢᠷ ᠲᠦᠪᠡᠭ ᠲᠠᠢ᠂ ᠨᠠᠷᠢᠨ ᠪᠣᠳᠣᠯᠢᠶᠠᠨ ᠲᠠᠢ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠎ ᠶᠢᠨ ᠬᠤᠷᠢᠶ᠎ᠠ ᠨᠢ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠳᠠᠭᠠᠭᠠᠯᠭᠠᠬᠤ ᠪᠣᠶᠣ ᠵᠣᠬᠢᠶᠠᠨ ᠪᠠᠶᠢᠭᠤᠯᠵᠣ ᠪᠠᠶᠢᠭᠠᠳ ᠭᠡᠷᠡᠴᠢ ᠰᠣᠨᠣᠰᠴᠣ ᠪᠣᠯᠣᠨ᠎ᠠ᠂ ᠬᠠᠣᠯᠢ ᠴᠠᠭᠠᠵᠠ ᠶᠢᠨ ᠠᠵᠢᠯᠳᠠᠨ ᠢ ᠣᠷᠢᠨ ᠣᠷᠣᠯᠴᠠᠭᠤᠯᠬᠤ ᠪᠣᠶᠣ ᠬᠢᠨᠠᠨ ᠪᠠᠶᠢᠴᠠᠭᠠᠯᠭᠠᠬᠤ ᠪᠠ ᠰᠣᠳᠣᠯᠣᠨ ᠪᠠᠶᠢᠴᠠᠭᠠᠯᠭᠠᠵᠣ᠂ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠰᠢᠢᠳᠪᠦᠷᠢᠯᠡᠬᠦ ᠳᠤ ᠬᠠᠣᠯᠢ ᠴᠠᠭᠠᠵᠠ ᠶᠢᠨ ᠯᠠᠪᠯᠠᠭ᠎ᠠ ᠵᠦᠪᠯᠡᠯᠭᠡ᠂ ᠦᠢᠯᠡᠴᠢᠯᠡᠭᠡ ᠬᠠᠩᠭᠠᠭᠰᠠᠨ ᠴᠦ ᠪᠣᠯᠣᠨ᠎ᠠ︔    ︵ᠳᠠᠪᠤ︶ ᠵᠠᠰᠠᠭ ᠵᠠᠬᠢᠷᠭᠠᠨ᠂ ᠬᠠᠣᠯᠢ ᠴᠠᠭᠠᠵᠠ ᠶᠢᠨ ᠳᠡᠰ ᠳᠠᠷᠠᠭᠠᠯᠠᠯ ᠢᠶᠠᠷ ᠰᠢᠢᠳᠪᠦᠷᠢᠯᠡᠬᠦ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠵᠠᠬᠢᠳᠠᠯ ᠰᠣᠷᠪᠣᠯᠵᠢᠯᠠᠭ᠎ᠠ ᠬᠢᠭᠴᠢ ᠳᠤ ᠮᠡᠳᠡᠭᠳᠡᠵᠦ᠂ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠬᠠᠣᠯᠢ ᠶᠣᠰᠣᠭᠠᠷ ᠳᠡᠰ ᠳᠠᠷᠠᠭᠠᠯᠠᠯ ᠢᠶᠠᠷ ᠨᠢ ᠳᠣᠷᠠᠳᠣᠭᠤᠯᠬᠤ ᠬᠡᠷᠡᠭᠳᠡᠢ︔    ︵ᠵᠢᠷᠭᠤᠭ᠎ᠠ︶ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠎ ᠶᠢᠨ ᠵᠦᠢᠯᠡᠰ ᠢ ᠵᠠᠰᠠᠭ ᠵᠠᠬᠢᠷᠭᠠᠨ ᠤ ᠪᠠᠶᠢᠭᠤᠯᠣᠯᠭ᠎ᠠ᠂ ᠬᠠᠣᠯᠢ ᠶᠠᠪᠣᠭᠤᠯᠬᠤ ᠪᠠᠶᠢᠭᠤᠯᠣᠯᠭ᠎ᠠ ᠨᠢᠭᠡᠨᠳᠡ ᠬᠠᠣᠯᠢ ᠴᠠᠭᠠᠵᠠ ᠪᠠ ᠲᠦᠷᠦ ᠶᠢᠨ ᠪᠣᠳᠣᠯᠭ᠎ᠠ ᠶᠢᠨ ᠳᠣᠭᠳᠠᠭᠠᠯ ᠶᠣᠰᠣᠭᠠᠷ ᠰᠢᠢᠳᠪᠦᠷᠢᠯᠡᠵᠦ ᠳᠠᠭᠤᠰᠣᠭᠰᠠᠨ ᠪᠠᠶᠢᠪᠠᠯ᠂ ᠵᠠᠬᠢᠳᠠᠯ ᠰᠣᠷᠪᠣᠯᠵᠢᠯᠠᠭ᠎ᠠ ᠬᠢᠭᠴᠢ ᠨᠢ ᠠᠳᠠᠯᠢ ᠨᠢᠭᠡ ᠶᠠᠪᠣᠳᠠᠯ ᠪᠠ ᠰᠢᠯᠳᠠᠭᠠᠨ ᠢᠶᠠᠷ ᠳᠠᠬᠢᠨ ᠳᠣᠷᠠᠳᠬᠤ ᠶᠢ ᠶᠡᠷᠦ ᠎ ᠶᠢᠨ ᠪᠠᠶᠢᠳᠠᠯ ᠳᠣᠣᠷ᠎ᠠ ᠬᠦᠯᠢᠶᠡᠨ ᠠᠪᠴᠣ ᠰᠢᠢᠳᠪᠦᠷᠢᠯᠡᠬᠦ ᠦᠭᠡᠢ︔    ︵ᠳᠣᠯᠤᠭ᠎ᠠ︶ ᠨᠢᠭᠡᠨᠳᠡ ᠰᠢᠢᠳᠪᠦᠷᠢᠯᠡᠵᠦ ᠳᠠᠭᠤᠰᠣᠭᠰᠠᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠵᠠᠬᠢᠳᠠᠯ ᠰᠣᠷᠪᠣᠯᠵᠢᠯᠠᠭ᠎ᠠ ᠬᠢᠭᠴᠢ ᠰᠢᠨ᠎ᠡ ᠪᠣᠳᠠᠳᠣ ᠶᠠᠪᠣᠳᠠᠯ ᠪᠠ ᠰᠢᠯᠳᠠᠭᠠᠨ ᠢᠶᠠᠷ ᠳᠠᠬᠢᠨ ᠳᠣᠷᠠᠳᠣᠭᠰᠠᠨ ᠪᠠᠶᠢᠵᠣ᠂ ᠴᠢᠨᠠᠭᠰᠢᠳᠠ ᠰᠣᠳᠣᠯᠣᠨ ᠪᠠᠶᠢᠴᠠᠭᠠᠵᠣ ᠰᠢᠢᠳᠪᠦᠷᠢᠯᠡᠬᠦ ᠴᠢᠬᠤᠯᠠ ᠲᠠᠢ ᠪᠣᠯ᠂ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠵᠣᠬᠢᠶᠠᠨ ᠪᠠᠶᠢᠭᠤᠯᠬᠤ ᠪᠠ ᠳᠠᠭᠠᠭᠤᠯᠵᠣ ᠪᠠᠶᠢᠭᠠᠳ ᠰᠣᠳᠣᠯᠣᠨ ᠪᠠᠶᠢᠴᠠᠭᠠᠯᠭᠠᠵᠣ ᠰᠢᠢᠳᠪᠦᠷᠢᠯᠡᠭᠦᠯᠬᠦ ᠬᠡᠷᠡᠭᠳᠡᠢ᠃     ᠠᠷᠪᠠᠨ ᠵᠢᠷᠭᠤᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠪᠠ ᠰᠢᠢᠳᠪᠦᠷᠢᠯᠡᠭᠦᠯᠬᠦ ᠪᠠᠷ ᠰᠢᠯᠵᠢᠭᠦᠯᠦᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠬᠦ ᠨᠢᠭᠡᠴᠡ ᠲᠦᠷᠦᠭᠦᠯᠡᠨ ᠰᠢᠢᠳᠪᠦᠷᠢᠯᠡᠬᠦ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠵᠦ᠂ ᠳᠡᠭᠦᠨ ᠤ ᠵᠠᠬᠢᠳᠠᠯ ᠰᠣᠷᠪᠣᠯᠵᠢᠯᠠᠭ᠎ᠠ ᠶᠢᠨ ᠠᠵᠢᠯ ᠢ ᠭᠤᠣᠯᠯᠠᠨ ᠬᠠᠮᠢᠶᠠᠷᠴᠣ ᠪᠠᠶᠢᠭ᠎ᠠ ᠬᠠᠷᠢᠭᠤᠴᠠᠯᠭᠠᠳᠠᠨ ᠨᠢ ᠨᠢᠭᠡᠳᠦᠭᠡᠷ ᠬᠠᠷᠢᠭᠤᠴᠠᠯᠭᠠᠳᠠᠨ ᠪᠠᠶᠢᠵᠣ᠂ ᠳᠠᠭᠠᠭᠠᠨ ᠰᠢᠢᠳᠪᠦᠷᠢᠯᠡᠬᠦ ᠠᠵᠢᠯ ᠤᠨ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠨ᠎ᠡ᠃    ᠳᠠᠭᠠᠭᠠᠨ ᠰᠢᠢᠳᠪᠦᠷᠢᠯᠡᠬᠦ ᠨᠢᠭᠡᠴᠡ ᠨᠢ ᠳᠣᠰᠬᠠᠢ ᠰᠠᠯᠠᠭ᠎ᠠ ᠮᠦᠴᠢᠷ ᠳᠣᠭᠳᠠᠭᠠᠬᠤ ᠪᠠ ᠳᠣᠰᠬᠠᠢ ᠬᠦᠮᠦᠨ ᠢᠶᠠᠷ ᠬᠠᠷᠢᠭᠤᠴᠠᠭᠤᠯᠵᠣ᠂ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠪᠠ ᠰᠢᠢᠳᠪᠦᠷᠢᠯᠡᠬᠦᠯᠬᠦ ᠎ ᠪᠠᠷ ᠰᠢᠯᠵᠢᠭᠦᠯᠦᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠦᠯᠬᠦ ᠬᠡᠷᠡᠭᠳᠡᠢ᠃    ᠠᠷᠪᠠᠨ ᠳᠣᠯᠣᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠪᠠ ᠰᠢᠢᠳᠪᠦᠷᠢᠯᠡᠭᠦᠯᠬᠦ ᠪᠠᠷ ᠰᠢᠯᠵᠢᠭᠦᠯᠦᠨ ᠦᠭᠭᠦᠭᠰᠡᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠠᠭᠠᠭᠠᠨ ᠰᠢᠢᠳᠪᠦᠷᠢᠯᠡᠬᠦ ᠨᠢᠭᠡᠴᠡ ᠨᠢ 3 ᠰᠠᠷ᠎ᠠ ᠶᠢᠨ ᠳᠣᠳᠣᠷ᠎ᠠ ᠰᠢᠢᠳᠪᠦᠷᠢᠯᠡᠵᠦ ᠳᠠᠭᠤᠰᠬᠠᠬᠤ ᠶᠢᠨ ᠬᠠᠮᠳᠣ ᠦᠷ᠎ᠡ ᠳ᠋ᠦᠩ ᠢᠶᠠᠨ ᠮᠡᠳᠡᠭᠦᠯᠬᠦ ᠪᠦᠭᠡᠳ ᠵᠠᠬᠢᠳᠠᠯ ᠰᠣᠷᠪᠣᠯᠵᠢᠯᠠᠭ᠎ᠠ ᠬᠢᠭᠴᠢ ᠳᠤ ᠬᠠᠷᠢᠭᠤᠯᠳᠠ ᠦᠭᠬᠦ ᠬᠡᠷᠡᠭᠳᠡᠢ᠃    ᠳᠠᠭᠠᠭᠠᠨ ᠰᠢᠢᠳᠪᠦᠷᠢᠯᠡᠬᠦ ᠨᠢᠭᠡᠴᠡ ᠨᠢ ᠳᠣᠭᠳᠠᠭᠠᠭᠰᠠᠨ ᠴᠠᠭ ᠤᠨ ᠳᠣᠳᠣᠷ᠎ᠠ ᠴᠠᠭ ᠲᠤ ᠪᠠᠨ ᠰᠢᠢᠳᠪᠦᠷᠢᠯᠡᠵᠦ ᠳᠠᠭᠤᠰᠣᠭᠰᠠᠨ ᠦᠭᠡᠢ ᠪᠣᠯ ᠴᠠᠭ ᠳᠣᠬᠠᠢ ᠳᠤ ᠨᠢ ᠰᠢᠯᠳᠠᠭᠠᠨ ᠪᠠ ᠰᠢᠢᠳᠪᠦᠷᠢᠯᠡᠬᠦ ᠠᠬᠢᠴᠠ ᠶᠢᠨ ᠪᠠᠶᠢᠳᠠᠯ ᠢᠶᠠᠨ ᠳᠣᠳᠣᠷᠬᠠᠢᠢᠯᠠᠬᠤ ᠬᠡᠷᠡᠭᠳᠡᠢ᠃    ᠳᠠᠭᠠᠭᠠᠨ ᠰᠢᠢᠳᠪᠦᠷᠢᠯᠡᠬᠦ ᠨᠢᠭᠡᠴᠡ ᠨᠢ ᠳᠣᠭᠳᠠᠭᠠᠭᠰᠠᠨ ᠴᠠᠭ ᠤᠨ ᠳᠣᠳᠣᠷ᠎ᠠ ᠰᠢᠢᠳᠪᠦᠷᠢᠯᠡᠵᠦ ᠳᠠᠭᠤᠰᠣᠭᠰᠠᠨ ᠦᠭᠡᠢ ᠮᠦᠷᠳᠡᠭᠡᠨ ᠪᠠᠰᠠ ᠰᠢᠢᠳᠪᠦᠷᠢᠯᠡᠬᠦ ᠠᠬᠢᠴᠠ ᠶᠢᠨ ᠪᠠᠶᠢᠳᠠᠯ ᠢᠶᠠᠨ ᠬᠠᠷᠢᠭᠤ ᠳᠣᠰᠬᠠᠭᠰᠠᠨ ᠦᠭᠡᠢ ᠪᠣᠯ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠦᠴᠢᠷ ᠰᠢᠢᠳᠪᠦᠷᠢᠯᠡᠭᠦᠯᠬᠦ  ᠎ ᠪᠠᠷ ᠰᠢᠪᠠᠳᠠᠭᠤᠯᠬᠤ  ᠪᠣᠶᠣ ᠰᠢᠢᠳᠪᠦᠷᠢᠯᠡᠬᠦᠯᠬᠦ  ᠎ ᠪᠠᠷ ᠱᠠᠭᠠᠷᠳᠠᠬᠤ  ᠬᠡᠷᠡᠭᠳᠡᠢ᠂  ᠴᠢᠬᠤᠯᠠ  ᠎ ᠲᠠᠢ  ᠦᠶ᠎ᠡ  ᠎ ᠳᠤ  ᠳᠠᠭᠠᠭᠠᠨ  ᠰᠢᠢᠳᠪᠦᠷᠢᠯᠡᠬᠦ  ᠨᠢᠭᠡᠴᠡ  ᠎ ᠶᠢᠨ  ᠬᠠᠷᠢᠭᠤᠴᠠᠯᠭᠠᠳᠠᠨ  ᠢ ᠴᠣᠭᠯᠠᠭᠤᠯᠵᠣ ᠰᠢᠢᠳᠪᠦᠷᠢᠯᠡᠭᠰᠡᠨ ᠪᠠᠶᠢᠳᠠᠯ  ᠢ ᠨᠢ ᠬᠠᠷᠢᠭᠤ ᠮᠡᠳᠡᠭᠦᠯᠦᠭᠦᠯᠬᠦ  ᠪᠦᠭᠡᠳ  ᠵᠣᠬᠢᠬᠤ  ᠬᠡᠪᠴᠢᠶᠡᠨ  ᠎ ᠳᠤ  ᠵᠠᠷᠯᠠᠨ  ᠮᠡᠳᠡᠭᠳᠡᠵᠦ  ᠪᠣᠯᠣᠨ᠎ᠠ᠃     ᠠᠷᠪᠠᠨ ᠨᠠᠢᠮᠠᠳᠣᠭᠠᠷ ᠵᠦᠢᠯ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠳᠣᠮᠳᠠ ᠬᠡᠷᠡᠭ ᠤᠨ ᠳᠠᠩᠰᠠ ᠡᠪᠬᠡᠮᠡᠯ ᠢ ᠪᠠᠶᠢᠴᠠᠭᠠᠨ ᠦᠵᠡᠬᠦ ᠴᠢᠬᠤᠯᠠ ᠲᠠᠢ ᠪᠣᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠣᠯᠭ᠎ᠠ ᠶᠢᠨ ᠬᠤᠪᠢᠳᠠᠨ ᠬᠠᠮᠢᠶᠠᠷᠴᠣ ᠪᠠᠶᠢᠭ᠎ᠠ ᠬᠠᠷᠢᠭᠤᠴᠠᠯᠭᠠᠳᠠᠨ ᠢᠶᠠᠷ ᠵᠦᠪᠰᠢᠶᠡᠷᠡᠭᠦᠯᠦᠭᠡᠳ᠂ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠪᠠᠶᠢᠭᠤᠯᠣᠯᠭ᠎ᠠ ᠰᠠᠯᠠᠭ᠎ᠠ ᠮᠦᠴᠢᠷ ᠠᠴᠠ ᠬᠡᠷᠡᠭ ᠤᠨ ᠳᠠᠩᠰᠠ ᠡᠪᠬᠡᠮᠡᠯ ᠢ ᠪᠠᠶᠢᠴᠠᠭᠠᠨ ᠦᠵᠡᠵᠦ ᠪᠣᠯᠣᠨ᠎ᠠ᠃     ᠠᠷᠪᠠ ᠶᠢᠰᠦᠳᠦᠭᠡᠷ ᠵᠦᠢᠯ ᠠᠷᠠᠳ ᠤᠨ ᠰᠢᠭᠦᠭᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠨᠢ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠎ ᠶᠢᠨ ᠬᠤᠷᠢᠶ᠎ᠠ ᠶᠢᠨ ᠰᠢᠢᠳᠪᠦᠷᠢᠯᠡᠭᠦᠯᠬᠦ ᠪᠠᠷ ᠳᠣᠰᠢᠶᠠᠨ ᠦᠭᠭᠦᠭᠰᠡᠨ ᠳᠠᠬᠢᠨ ᠰᠢᠭᠦᠨ ᠳᠠᠰᠣᠯᠬᠤ ᠪᠣᠶᠣ ᠡᠰᠡᠷᠭᠦᠴᠡᠨ ᠵᠠᠭᠠᠯᠳᠣᠬᠤ ᠨᠦᠬᠦᠴᠡᠯ ᠳᠤ ᠨᠡᠶᠢᠴᠡᠭᠰᠡᠨ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢ ᠬᠠᠣᠯᠢ ᠶᠣᠰᠣᠭᠠᠷ ᠴᠠᠭ ᠳᠣᠬᠠᠢ ᠎ ᠳᠤ ᠨᠢ ᠰᠢᠢᠳᠪᠦᠷᠢᠯᠡᠬᠦ ᠬᠡᠷᠡᠭᠳᠡᠢ᠃     ᠬᠤᠷᠢᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠠᠮᠢᠶ᠎ᠠ ᠪᠦᠬᠦᠢ ᠪᠠᠶᠢᠭᠤᠯᠣᠯᠭ᠎ᠠ ᠪᠠ ᠰᠠᠯᠠᠭ᠎ᠠ ᠮᠦᠴᠢᠷ ᠲᠠᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠬᠠᠷᠢᠯᠴᠠᠬᠤ ᠬᠤᠷᠠᠯ ᠤᠨ ᠲᠦᠷᠢᠮ ᠢ ᠪᠠᠶᠢᠭᠤᠯᠵᠣ᠂ ᠠᠵᠢᠯ ᠤᠨ ᠪᠠᠶᠢᠳᠠᠯ ᠢᠶᠠᠨ ᠴᠠᠭ ᠳᠣᠬᠠᠢ ᠳᠤ ᠪᠠᠨ ᠨᠡᠪᠳᠡᠷᠡᠯᠴᠡᠵᠦ᠂ ᠴᠢᠬᠤᠯᠠ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠠᠮᠳᠣ ᠳᠤ ᠪᠠᠨ ᠰᠣᠳᠣᠯᠵᠣ ᠵᠣᠬᠢᠴᠠᠭᠤᠯᠣᠨ ᠰᠢᠢᠳᠪᠦᠷᠢᠯᠡᠬᠦ ᠬᠡᠷᠡᠭᠳᠡᠢ᠃     ᠬᠤᠷᠢᠨ ᠨᠢᠭᠡᠳᠦᠭᠡᠷ ᠵᠦᠢᠯ ᠵᠠᠬᠢᠳᠠᠯ ᠰᠣᠷᠪᠣᠯᠵᠢᠯᠠᠭ᠎ᠠ ᠬᠢᠭᠴᠢ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠳᠣᠷᠠᠳᠬᠤ ᠳᠤ ᠪᠠᠨ ᠪᠣᠰᠣᠳᠴᠢ ᠦᠨᠡᠨ ᠪᠣᠳᠠᠳᠠᠢ ᠪᠠᠶᠢᠬᠤ ᠬᠡᠷᠡᠭᠳᠡᠢ ᠪᠦᠭᠡᠳ ᠳᠣᠷᠠᠳᠣᠭᠰᠠᠨ ᠮᠠᠲ᠋ᠧᠷᠢᠶᠠᠯ ᠤᠨ ᠎ ᠢᠶᠠᠨ ᠠᠭᠤᠯᠭ᠎ᠠ ᠶᠢᠨ ᠦᠨᠡᠨ ᠪᠣᠳᠠᠳᠣ ᠴᠢᠨᠠᠷ ᠲᠤ ᠬᠠᠷᠢᠭᠤᠴᠠᠬᠤ ᠬᠡᠷᠡᠭᠳᠡᠢ᠂ ᠪᠣᠳᠠᠳᠣ ᠶᠠᠪᠣᠳᠠᠯ ᠢ ᠬᠠᠭᠤᠷᠮᠠᠭᠯᠠᠨ ᠵᠣᠬᠢᠶᠠᠵᠣ᠂ ᠭᠠᠵᠢᠭᠤᠳᠠᠭᠤᠯᠵᠣ ᠪᠣᠯᠬᠤ ᠦᠭᠡᠢ᠂ ᠪᠣᠰᠣᠳ ᠢ ᠬᠦᠳᠭᠡᠨ ᠵᠠᠭᠠᠯᠳᠣᠵᠣ᠂ ᠬᠦᠨᠦᠭᠡᠨ ᠬᠤᠣᠷᠯᠠᠵᠣ ᠪᠣᠯᠬᠤ ᠦᠭᠡᠢ᠃     ᠬᠤᠷᠢᠨ ᠬᠤᠶᠠᠳᠣᠭᠠᠷ ᠵᠦᠢᠯ ᠵᠠᠬᠢᠳᠠᠯ ᠰᠣᠷᠪᠣᠯᠵᠢᠯᠠᠭ᠎ᠠ ᠬᠢᠭᠴᠢ ᠵᠠᠬᠢᠳᠠᠯ ᠰᠣᠷᠪᠣᠯᠵᠢᠯᠠᠭ᠎ᠠ ᠬᠢᠬᠦ ᠶᠠᠪᠣᠴᠠ ᠳᠤ ᠎ ᠪᠠᠨ ᠵᠠᠬᠢᠳᠠᠯ ᠰᠣᠷᠪᠣᠯᠵᠢᠯᠠᠭ᠎ᠠ ᠶᠢᠨ ᠡᠮᠬᠢ ᠵᠢᠷᠣᠮ ᠢ ᠰᠠᠬᠢᠨ ᠬᠠᠮᠠᠭᠠᠯᠠᠬᠤ ᠬᠡᠷᠡᠭᠳᠡᠢ᠂ ᠳᠣᠣᠷᠠᠬᠢ ᠠᠵᠢᠯᠯᠠᠭ᠎ᠠ ᠲᠠᠢ ᠪᠠᠶᠢᠵᠣ ᠪᠣᠯᠬᠤ ᠦᠭᠡᠢ᠄    ︵ᠨᠢᠭᠡ︶ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠣᠯᠭ᠎ᠠ ᠪᠣᠶᠣ ᠴᠢᠬᠤᠯᠠ ᠬᠤᠷᠠᠯ ᠤᠨ ᠳᠠᠯᠠᠪᠠᠢ ᠳᠠᠯᠠᠪᠣᠷ ᠢ ᠪᠦᠰᠡᠯᠡᠨ ᠪᠦᠭᠯᠡᠬᠦ᠂ ᠳᠠᠭᠠᠷᠢᠨ ᠣᠷᠣᠬᠤ᠂ ᠠᠯᠪᠠᠨ ᠶᠠᠪᠣᠳᠠᠯ ᠤᠨ ᠳᠡᠷᠭᠡ ᠶᠢ ᠬᠠᠰᠢᠵᠣ ᠠᠪᠬᠤ ᠪᠣᠶᠣ ᠵᠠᠮ ᠬᠠᠷᠢᠯᠴᠠᠭ᠎ᠠ ᠶᠢ ᠪᠦᠭᠯᠡᠷᠡᠭᠦᠯᠬᠦ ᠪᠣᠶᠣ ᠪᠦᠭᠯᠡᠵᠦ ᠳᠠᠰᠣᠯᠬᠤ︔    ︵ᠬᠤᠶᠠᠷ︶ ᠠᠶᠣᠯ ᠲᠠᠢ ᠪᠣᠳᠠᠰ᠂ ᠴᠠᠭᠠᠵᠠ ᠲᠠᠢ ᠪᠠᠭᠠᠵᠢ ᠬᠡᠷᠡᠭᠰᠡᠯ ᠢ ᠪᠡᠶ᠎ᠡ ᠳᠤ ᠪᠠᠨ ᠠᠪᠴᠣ ᠶᠠᠪᠣᠬᠤ︔    ︵ᠭᠤᠷᠪᠠ︶ ᠠᠵᠢᠯᠳᠠᠨ ᠢ ᠳᠣᠷᠣᠮᠵᠢᠯᠠᠬᠤ᠂ ᠬᠦᠳᠭᠡᠬᠦ᠂ ᠰᠦᠷᠳᠡᠭᠦᠯᠬᠦ᠂ ᠴᠣᠬᠢᠬᠤ᠂ ᠰᠢᠷᠬᠠᠳᠣᠭᠤᠯᠬᠤ︔    ︵ᠲᠦᠷᠪᠡ︶ ᠵᠠᠬᠢᠳᠠᠯ ᠰᠣᠷᠪᠣᠯᠵᠢᠯᠠᠭ᠎ᠠ ᠶᠢ ᠬᠦᠯᠢᠶᠡᠨ ᠰᠢᠢᠳᠪᠦᠷᠢᠯᠡᠬᠦ ᠳᠠᠯᠠᠪᠠᠢ ᠳᠠᠯᠠᠪᠣᠷ ᠲᠤ ᠣᠳᠠᠭᠠᠨ ᠪᠠᠶᠢᠬᠤ᠂ ᠬᠡᠷᠡᠭ ᠡᠭᠦᠰᠭᠡᠬᠦ᠂ ᠪᠡᠶ᠎ᠡ ᠪᠠᠨ ᠭᠡᠮᠳᠦᠭᠡᠬᠦ᠂ ᠪᠡᠶ᠎ᠡ ᠪᠠᠨ ᠬᠤᠣᠷᠯᠠᠬᠤ ᠪᠣᠶᠣ ᠪᠡᠶ᠎ᠡ ᠪᠠᠨ ᠳᠠᠭᠠᠭᠠᠵᠣ ᠳᠡᠶᠢᠯᠬᠦ ᠦᠭᠡᠢ ᠬᠦᠮᠦᠨ ᠢ ᠬᠠᠶᠠᠵᠣ ᠶᠠᠪᠣᠬᠤ︔    ︵ᠳᠠᠪᠤ︶ ᠪᠣᠰᠣᠳ ᠢ ᠦᠳᠦᠭᠡᠨ᠂ ᠬᠤᠯᠪᠣᠭᠠᠯᠠᠨ᠂ ᠰᠢᠬᠠᠮᠳᠣᠭᠤᠯᠣᠨ᠂ ᠵᠢᠭᠠᠨ ᠳᠣᠬᠢᠵᠣ᠂ ᠬᠦᠰᠢᠭᠡᠨ ᠠᠷᠣ ᠎ ᠠᠴᠠ ᠵᠢᠯᠣᠭᠤᠳᠣᠨ ᠵᠠᠬᠢᠳᠠᠯ ᠰᠣᠷᠪᠣᠯᠵᠢᠯᠠᠭ᠎ᠠ ᠬᠢᠯᠭᠡᠬᠦ︔    ︵ᠵᠢᠷᠭᠤᠭ᠎ᠠ︶ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠠᠶᠢᠭᠤᠯᠣᠯᠭ᠎ᠠ ᠶᠢᠨ ᠠᠵᠢᠯ ᠤᠨ ᠡᠮᠬᠢ ᠵᠢᠷᠣᠮ ᠢ ᠨᠦᠯᠦᠭᠡᠯᠡᠬᠦ ᠪᠣᠰᠣᠳ ᠠᠵᠢᠯᠯᠠᠭ᠎ᠠ᠃     ᠬᠤᠷᠢᠨ ᠭᠤᠷᠪᠠᠳᠣᠭᠠᠷ ᠵᠦᠢᠯ ᠳᠣᠰ  ᠲᠦᠷᠢᠮ ᠎ ᠤᠨ  ᠬᠤᠷᠢᠨ ᠬᠤᠶᠠᠳᠣᠭᠠᠷ ᠵᠦᠢᠯ ᠎ ᠤᠨ ᠳᠣᠭᠳᠠᠭᠠᠯ  ᠎ ᠠᠴᠠ ᠵᠦᠷᠢᠴᠡᠭᠰᠡᠨ ᠵᠠᠬᠢᠳᠠᠯ ᠰᠣᠷᠪᠣᠯᠵᠢᠯᠠᠭ᠎ᠠ ᠬᠢᠭᠴᠢ  ᠎ ᠶᠢ ᠢᠳᠬᠠᠨ ᠬᠤᠷᠢᠭᠯᠠᠵᠣ᠂ ᠰᠢᠭᠦᠮᠵᠢᠯᠡᠵᠦ᠂ ᠰᠣᠷᠭᠠᠭᠠᠳ ᠰᠣᠨᠣᠰᠬᠤ ᠦᠭᠡᠢ  ᠪᠣᠯ᠂ ᠵᠠᠬᠢᠳᠠᠯ ᠰᠣᠷᠪᠣᠯᠵᠢᠯᠠᠭ᠎ᠠ  ᠎ ᠶᠢᠨ ᠠᠵᠢᠯ  ᠤᠨ ᠰᠠᠯᠠᠭ᠎ᠠ ᠮᠦᠴᠢᠷ ᠴᠠᠭ ᠳᠣᠬᠠᠢ  ᠎ ᠳᠤ  ᠎ ᠨᠢ ᠳᠣᠳᠣᠭᠠᠳᠣ  ᠎ ᠶᠢ ᠬᠠᠮᠠᠭᠠᠯᠠᠬᠤ ᠪᠠᠶᠢᠭᠤᠯᠣᠯᠭ᠎ᠠ  ᠎ ᠳᠤ ᠮᠡᠳᠡᠭᠳᠡᠵᠦ᠂ ᠳᠣᠬᠠᠢ  ᠎ ᠶᠢᠨ ᠳᠠᠯᠠᠪᠣᠷ ᠲᠤ  ᠎ ᠨᠢ ᠣᠴᠢᠭᠤᠯᠣᠨ ᠬᠠᠣᠯᠢ  ᠶᠣᠰᠣᠭᠠᠷ ᠰᠢᠢᠳᠭᠡᠯᠭᠡᠬᠦ  ᠬᠡᠷᠡᠭᠳᠡᠢ᠃     ᠬᠤᠷᠢᠨ ᠲᠦᠷᠪᠡᠳᠦᠭᠡᠷ ᠵᠦᠢᠯ ᠨᠡᠯᠢᠶᠡᠳ ᠶᠡᠭᠡ ᠨᠡᠶᠢᠭᠡᠮ ᠤᠨ ᠨᠦᠯᠦᠭᠡ ᠭᠠᠷᠭᠠᠵᠣ ᠮᠡᠳᠡᠬᠦ ᠪᠠᠴᠢᠮ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠪᠣᠶᠣ ᠬᠡᠪ ᠤᠨ ᠪᠣᠰᠣ ᠵᠠᠬᠢᠳᠠᠯ ᠰᠣᠷᠪᠣᠯᠵᠢᠯᠠᠭ᠎ᠠ ᠶᠢᠨ ᠪᠠᠶᠢᠳᠠᠯ ᠢ ᠵᠠᠬᠢᠳᠠᠯ ᠰᠣᠷᠪᠣᠯᠵᠢᠯᠠᠭ᠎ᠠ ᠶᠢᠨ ᠰᠠᠯᠠᠭ᠎ᠠ ᠮᠦᠴᠢᠷ ᠨᠢ ᠴᠠᠭ ᠳᠣᠬᠠᠢ ᠳᠤ ᠨᠢ ᠳᠣᠳᠣᠭᠠᠳᠣ ᠶᠢ ᠬᠠᠮᠠᠭᠠᠯᠠᠬᠤ ᠪᠠᠶᠢᠭᠤᠯᠣᠯᠭ᠎ᠠ ᠪᠠ ᠬᠠᠮᠢᠶ᠎ᠠ ᠪᠦᠬᠦᠢ ᠭᠠᠵᠠᠷ ᠣᠷᠣᠨ᠂ ᠪᠠᠶᠢᠭᠤᠯᠣᠯᠭ᠎ᠠ ᠨᠢᠭᠡᠴᠡ ᠶᠢᠨ ᠬᠠᠷᠢᠭᠤᠴᠠᠯᠭᠠᠳᠠᠨ ᠳᠤ ᠨᠢ ᠮᠡᠳᠡᠭᠳᠡᠵᠦ᠂ ᠳᠣᠬᠠᠢ ᠎ ᠶᠢᠨ ᠳᠠᠯᠪᠣᠷ ᠲᠤ ᠨᠢ ᠣᠴᠢᠭᠤᠯᠵᠣ᠂ ᠬᠠᠣᠯᠢ ᠶᠣᠰᠣᠭᠠᠷ ᠵᠣᠬᠢᠰ ᠲᠠᠢ ᠠᠷᠭ᠎ᠠ ᠬᠡᠮᠵᠢᠶ᠎ᠡ ᠠᠪᠣᠭᠤᠯᠵᠣ ᠰᠢᠢᠳᠪᠦᠷᠢᠯᠡᠭᠦᠯᠬᠦ ᠶᠢᠨ ᠬᠠᠮᠳᠣ ᠬᠠᠮᠢᠶ᠎ᠠ ᠪᠦᠬᠦᠢ ᠪᠠᠶᠢᠳᠠᠯ ᠢ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠠᠷᠢᠭᠤᠴᠠᠯᠭᠠᠳᠠᠨ ᠳᠤ ᠮᠡᠳᠡᠭᠳᠡᠬᠦ ᠬᠡᠷᠡᠭᠳᠡᠢ᠃     ᠬᠤᠷᠢᠨ ᠳᠠᠪᠣᠳᠣᠭᠠᠷ ᠵᠦᠢᠯ ᠱᠠᠳᠣ ᠳᠠᠪᠠᠨ ᠵᠠᠬᠢᠳᠠᠯ ᠰᠣᠷᠪᠣᠯᠵᠢᠯᠠᠭ᠎ᠠ ᠬᠢᠭᠴᠢ ᠶᠢᠨ ᠳᠣᠷᠠᠳᠣᠭᠰᠠᠨ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠨᠠᠷᠢᠨ ᠬᠢᠨᠠᠮᠠᠭᠠᠢ ᠪᠠᠶᠢᠴᠠᠭᠠᠨ ᠵᠠᠳᠠᠯᠬᠤ ᠶᠢᠨ ᠬᠠᠮᠳᠣ ᠳᠡᠭᠦᠨ ᠳᠤ ᠰᠢᠢᠳᠪᠦᠷᠢᠯᠡᠬᠦ ᠡᠷᠬᠡ ᠲᠠᠢ ᠪᠠᠶᠢᠭᠤᠯᠣᠯᠭ᠎ᠠ ᠳᠤ ᠳᠣᠷᠠᠳᠬᠤ ᠶᠢ ᠬᠡᠯᠡᠵᠦ ᠦᠭᠬᠦ ᠬᠡᠷᠡᠭᠳᠡᠢ᠃ ᠪᠣᠳᠠᠳᠣ ᠶᠠᠪᠣᠳᠠᠯ ᠢ ᠳᠡᠭᠦᠨ ᠤ ᠪᠠᠶᠢᠭ᠎ᠠ ᠭᠠᠵᠠᠷ ᠣᠷᠣᠨ᠂ ᠪᠠᠶᠢᠭᠤᠯᠣᠯᠭ᠎ᠠ ᠨᠢᠭᠡᠴᠡ ᠨᠢ ᠬᠠᠷᠢᠭᠤᠴᠠᠨ ᠰᠢᠢᠳᠪᠦᠷᠢᠯᠡᠨ᠎ᠡ᠃     ᠬᠤᠷᠢᠨ ᠵᠢᠷᠭᠤᠳᠣᠭᠠᠷ ᠵᠦᠢᠯ ᠬᠠᠯᠳᠠᠪᠣᠷᠢᠳᠣ ᠡᠪᠡᠳᠴᠢᠨ ᠲᠠᠢ ᠪᠣᠶᠣ ᠬᠠᠯᠳᠠᠪᠣᠷᠢᠳᠣ ᠡᠪᠡᠳᠴᠢᠨ ᠤ ᠰᠡᠵᠢᠭ ᠎ ᠲᠠᠢ ᠵᠠᠬᠢᠳᠠᠯ ᠰᠣᠷᠪᠣᠯᠵᠢᠯᠠᠭ᠎ᠠ ᠬᠢᠭᠴᠢ ᠶᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠨᠢ ᠴᠠᠭ ᠳᠣᠬᠠᠢ ᠳᠤ ᠨᠢ ᠳᠣᠬᠠᠢ ᠶᠢᠨ ᠭᠠᠵᠠᠷ ᠤᠨ ᠡᠷᠡᠭᠦᠯ ᠬᠠᠮᠠᠭᠠᠯᠠᠯ ᠤᠨ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠳᠡᠵᠦ᠂ ᠣᠯᠣᠰ ᠤᠨ ᠬᠠᠮᠢᠶ᠎ᠠ ᠪᠦᠬᠦᠢ ᠳᠣᠭᠳᠠᠭᠠᠯ ᠶᠣᠰᠣᠭᠠᠷ ᠰᠢᠢᠳᠪᠦᠷᠢᠯᠡᠬᠦ ᠬᠡᠷᠡᠭᠳᠡᠢ᠃    ᠮᠡᠳᠡᠷᠡᠯ ᠤᠨ ᠡᠪᠡᠳᠴᠢᠨ ᠲᠠᠢ ᠵᠠᠬᠢᠳᠠᠯ ᠰᠣᠷᠪᠣᠯᠵᠢᠯᠠᠭ᠎ᠠ ᠬᠢᠭᠴᠢ ᠶᠢ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠨᠢ ᠳᠡᠭᠦᠨ ᠤ ᠬᠠᠷᠢᠶ᠎ᠠ ᠪᠦᠬᠦᠢ ᠭᠠᠵᠠᠷ ᠣᠷᠣᠨ ᠤ ᠳᠣᠳᠣᠭᠠᠳᠣ ᠶᠢ ᠬᠠᠮᠠᠭᠠᠯᠠᠬᠤ᠂ ᠠᠷᠠᠳ ᠤᠨ ᠶᠠᠪᠣᠳᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠦᠴᠢᠷ᠂ ᠪᠠᠶᠢᠭᠤᠯᠣᠯᠭ᠎ᠠ ᠨᠢᠭᠡᠴᠡ ᠪᠣᠶᠣ ᠬᠢᠨᠠᠨ ᠬᠠᠮᠠᠭᠠᠯᠠᠭᠴᠢ ᠳᠤ ᠨᠢ ᠮᠡᠳᠡᠭᠳᠡᠵᠦ ᠳᠣᠰᠣᠭᠤᠯᠣᠨ ᠠᠪᠠᠴᠢᠭᠤᠯᠬᠤ ᠬᠡᠷᠡᠭᠳᠡᠢ᠃     ᠬᠤᠷᠢᠨ ᠳᠣᠯᠣᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠰᠠᠯᠠᠭ᠎ᠠ ᠮᠦᠴᠢᠷ ᠪᠠ ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠳᠣᠮᠳᠠ ᠳᠣᠪᠤᠶᠢᠮ᠎ᠠ ᠠᠮᠵᠢᠯᠳᠠ ᠭᠠᠷᠭᠠᠭᠰᠠᠨ ᠪᠠᠶᠢᠪᠠᠯ ᠳᠡᠭᠡᠳᠦ ᠱᠠᠳᠣᠨ ᠤ ᠪᠣᠶᠣ ᠳᠣᠰ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠨᠢ ᠬᠦᠬᠢᠭᠦᠯᠦᠨ ᠰᠠᠶᠢᠰᠢᠶᠠᠬᠤ ᠬᠡᠷᠡᠭᠳᠡᠢ᠃     ᠬᠤᠷᠢᠨ ᠨᠠᠢᠮᠠᠳᠣᠭᠠᠷ ᠵᠦᠢᠯ ᠵᠠᠬᠢᠳᠠᠯ ᠰᠣᠷᠪᠣᠯᠵᠢᠯᠠᠭ᠎ᠠ ᠶᠢᠨ ᠠᠵᠢᠯ ᠤᠨ ᠳᠣᠮᠳᠠ ᠳᠣᠪᠤᠶᠢᠮ᠎ᠠ ᠠᠮᠵᠢᠯᠳᠠ ᠭᠠᠷᠭᠠᠭᠰᠠᠨ ᠳᠠᠭᠠᠭᠠᠨ ᠰᠢᠢᠳᠪᠦᠷᠢᠯᠡᠭᠰᠡᠨ ᠨᠢᠭᠡᠴᠡ ᠵᠢᠴᠢ ᠳᠡᠭᠦᠨ ᠤ ᠠᠵᠢᠯᠳᠠᠨ ᠢ ᠳᠡᠭᠦᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠶᠣ ᠪᠠᠶᠢᠭᠤᠯᠣᠯᠭ᠎ᠠ ᠨᠢᠭᠡᠴᠡ ᠨᠢ ᠰᠠᠶᠢᠰᠢᠶᠠᠵᠣ᠂ ᠬᠦᠬᠢᠭᠦᠯᠬᠦ ᠬᠡᠷᠡᠭᠳᠡᠢ᠃     ᠬᠤᠷᠢ ᠶᠢᠰᠦᠳᠦᠭᠡᠷ ᠵᠦᠢᠯ ᠦᠪᠡᠷᠳᠡᠭᠡᠨ ᠵᠠᠰᠠᠬᠤ ᠣᠷᠣᠨ ᠤ ᠡᠯ᠎ᠡ ᠱᠠᠳᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠠᠬᠢᠳᠠᠯ ᠰᠣᠷᠪᠣᠯᠵᠢᠯᠠᠭ᠎ᠠ ᠶᠢᠨ ᠠᠵᠢᠯᠳᠠᠨ ᠪᠠ ᠳᠠᠭᠠᠭᠠᠨ ᠰᠢᠢᠳᠪᠦᠷᠢᠯᠡᠬᠦ ᠨᠢᠭᠡᠴᠡ ᠶᠢᠨ ᠠᠵᠢᠯᠳᠠᠨ ᠳᠣᠣᠷᠠᠬᠢ ᠨᠢᠭᠡ ᠵᠦᠢᠯ ᠤᠨ ᠦᠢᠯᠡ ᠠᠵᠢᠯᠯᠠᠭ᠎ᠠ ᠲᠠᠢ ᠪᠣᠯ ᠰᠢᠭᠦᠮᠵᠢᠯᠡᠨ ᠰᠣᠷᠭᠠᠬᠤ ᠶᠢᠨ ᠬᠠᠮᠳᠣ ᠵᠠᠷᠯᠢᠭᠳᠠᠨ ᠵᠠᠯᠠᠷᠠᠭᠤᠯᠣᠭᠤᠯᠬᠤ ᠬᠡᠷᠡᠭᠳᠡᠢ︔ ᠬᠦᠨᠳᠦ ᠨᠣᠴᠢᠳᠠᠢ ᠦᠷ᠎ᠡ ᠳ᠋ᠦᠩ ᠭᠠᠷᠭᠠᠭᠰᠠᠨ ᠪᠠᠶᠢᠪᠠᠯ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠨᠢ ᠰᠢᠭᠤᠳ ᠬᠠᠷᠢᠭᠤᠴᠠᠯᠭ᠎ᠠ ᠲᠠᠢ ᠬᠦᠮᠦᠨ ᠪᠠ ᠭᠤᠣᠯᠯᠠᠨ ᠬᠠᠮᠢᠶᠠᠷᠬᠤ ᠬᠠᠷᠢᠭᠤᠴᠠᠯᠭ᠎ᠠ ᠲᠠᠢ ᠬᠦᠮᠦᠨ ᠳᠤ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ ᠶᠠᠯ᠎ᠠ ᠎ ᠳᠤ ᠬᠦᠷᠦᠭᠰᠡᠨ ᠪᠠᠶᠢᠪᠠᠯ ᠬᠠᠣᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠣᠯᠠᠨ ᠲᠦᠮᠡᠨ ᠤ ᠵᠠᠬᠢᠳᠠᠯ ᠰᠣᠷᠪᠣᠯᠵᠢᠯᠠᠭ᠎ᠠ ᠶᠢ ᠴᠠᠭ ᠳᠣᠬᠠᠢ ᠳᠤ ᠨᠢ ᠦᠵᠡᠵᠦ ᠰᠢᠢᠳᠪᠦᠷᠢᠯᠡᠭᠰᠡᠨ ᠦᠭᠡᠢ ᠪᠣᠶᠣ ᠬᠦᠯᠢᠶᠡᠨ ᠠᠪᠣᠭᠰᠠᠨ ᠦᠭᠡᠢ ᠪᠠᠶᠢᠪᠠᠯ︔    ︵ᠬᠤᠶᠠᠷ︶ ᠣᠯᠠᠨ ᠲᠦᠮᠡᠨ ᠤ ᠭᠤᠮᠣᠳᠠᠯ ᠳᠣᠭᠠᠴᠢᠯᠳᠠ᠂ ᠵᠠᠭᠠᠯᠳᠣᠯᠭ᠎ᠠ ᠪᠠ ᠢᠯᠡᠴᠢᠯᠡᠨ ᠮᠡᠳᠡᠭᠦᠯᠦᠯᠳᠡ ᠶᠢᠨ ᠬᠡᠷᠡᠭ ᠢ ᠲᠦᠯᠬᠢᠯᠴᠡᠭᠰᠡᠨ᠂ ᠣᠳᠠᠭᠠᠰᠢᠷᠠᠭᠤᠯᠣᠭᠰᠠᠨ ᠪᠠᠶᠢᠪᠠᠯ︔    ︵ᠭᠤᠷᠪᠠ︶ ᠳᠠᠭᠠᠭᠠᠨ ᠰᠢᠢᠳᠪᠦᠷᠢᠯᠡᠬᠦ ᠵᠠᠬᠢᠳᠠᠯ ᠰᠣᠷᠪᠣᠯᠵᠢᠯᠠᠭ᠎ᠠ ᠶᠢᠨ ᠬᠡᠷᠡᠭ ᠢᠶᠠᠨ ᠴᠠᠭ ᠲᠤ ᠪᠠᠨ ᠰᠢᠢᠳᠪᠦᠷᠢᠯᠡᠭᠰᠡᠨ ᠦᠭᠡᠢ ᠮᠦᠷᠳᠡᠭᠡᠨ ᠪᠠᠰᠠ ᠰᠢᠯᠳᠠᠭᠠᠨ ᠢᠶᠠᠨ ᠳᠣᠳᠣᠷᠬᠠᠢᠢᠯᠠᠭᠰᠠᠨ ᠦᠭᠡᠢ ᠪᠠᠶᠢᠪᠠᠯ︔    ︵ᠲᠦᠷᠪᠡ︶ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠭᠰᠡᠨ ᠦᠷ᠎ᠡ ᠳ᠋ᠦᠩ ᠢᠶᠠᠨ ᠮᠡᠳᠡᠭᠦᠯᠦᠭᠰᠡᠨ ᠦᠭᠡᠢ ᠪᠣᠶᠣ ᠮᠡᠳᠡᠭᠦᠯᠦᠭᠰᠡᠨ ᠦᠷ᠎ᠡ ᠳ᠋ᠦᠩ ᠨᠢ ᠪᠣᠳᠠᠳᠠᠢ ᠪᠢᠰᠢ ᠪᠠᠶᠢᠪᠠᠯ︔    ︵ᠳᠠᠪᠤ︶ ᠢᠯᠡ ᠪᠣᠯᠭᠠᠬᠤ ᠳᠤ ᠵᠣᠬᠢᠰ ᠦᠭᠡᠢ ᠴᠣᠬᠤᠯᠠᠪᠣᠷᠢ ᠶᠢ ᠵᠠᠬᠢᠳᠠᠯ ᠰᠣᠷᠪᠣᠯᠵᠢᠯᠠᠭ᠎ᠠ ᠬᠢᠭᠴᠢ ᠳᠤ ᠳᠠᠮᠵᠢᠭᠤᠯᠵᠣ ᠦᠭᠭᠦᠭᠰᠡᠨ ᠪᠠᠶᠢᠪᠠᠯ︔    ︵ᠵᠢᠷᠭᠤᠭ᠎ᠠ︶ ᠵᠠᠬᠢᠳᠠᠯ ᠰᠣᠷᠪᠣᠯᠵᠢᠯᠠᠭ᠎ᠠ ᠶᠢᠨ ᠮᠠᠲ᠋ᠧᠷᠢᠶᠠᠯ ᠢ ᠭᠡᠭᠡᠭᠰᠡᠨ᠂ ᠨᠢᠭᠤᠭᠰᠠᠨ ᠪᠣᠶᠣ ᠳᠣᠷ᠎ᠠ ᠪᠠᠷ ᠢᠶᠠᠨ ᠣᠰᠠᠳᠬᠠᠭᠰᠠᠨ ᠪᠠᠶᠢᠪᠠᠯ︔    ︵ᠳᠣᠯᠤᠭ᠎ᠠ︶ ᠵᠠᠬᠢᠳᠠᠯ ᠰᠣᠷᠪᠣᠯᠵᠢᠯᠠᠭ᠎ᠠ ᠶᠢᠨ ᠨᠢᠭᠤᠴᠠ ᠶᠢ ᠵᠠᠳᠠᠷᠠᠭᠤᠯᠣᠭᠰᠠᠨ ᠪᠣᠶᠣ ᠵᠠᠭᠠᠯᠳᠣᠵᠣ᠂ ᠢᠯᠡᠴᠢᠯᠡᠭᠰᠡᠨ ᠮᠠᠲ᠋ᠧᠷᠢᠶᠠᠯ ᠢ ᠵᠠᠭᠠᠯᠳᠣᠭᠳᠠᠭᠰᠠᠨ᠂ ᠢᠯᠡᠴᠢᠯᠡᠭᠳᠡᠭᠰᠡᠨ ᠨᠢᠭᠡᠴᠡ ᠪᠣᠶᠣ ᠬᠤᠪᠢ ᠬᠦᠮᠦᠨ ᠳᠤ ᠳᠠᠮᠵᠢᠭᠤᠯᠣᠨ ᠦᠭᠭᠦᠭᠰᠡᠨ ᠪᠠᠶᠢᠪᠠᠯ︔    ︵ᠨᠠᠢᠮᠠ︶ ᠡᠷᠬᠡ ᠳᠣᠰᠢᠶᠠᠯ ᠢᠶᠠᠨ ᠠᠰᠢᠭᠯᠠᠨ ᠬᠡᠭᠡᠯᠢ ᠬᠠᠭ᠋ᠣᠣᠯᠢ ᠢᠳᠡᠵᠦ᠂ ᠬᠤᠪᠢ ᠶᠢᠨ ᠨᠠᠶᠢᠷ ᠢᠶᠠᠷ ᠬᠠᠣᠯᠢ ᠶᠣᠰᠣ ᠶᠢ ᠭᠠᠵᠢᠭᠤᠳᠠᠭᠤᠯᠣᠭᠰᠠᠨ ᠪᠠᠶᠢᠪᠠᠯ︔    ︵ᠶᠢᠰᠦ︶ ᠡᠷᠬᠡ ᠠᠴᠠ ᠪᠠᠨ ᠳᠠᠪᠠᠭᠤᠯᠬᠤ ᠪᠣᠶᠣ ᠡᠷᠬᠡ ᠪᠠᠨ ᠳᠣᠷ᠎ᠠ ᠪᠠᠷ ᠢᠶᠠᠨ ᠬᠡᠷᠡᠭᠯᠡᠵᠦ᠂ ᠵᠠᠬᠢᠳᠠᠯ ᠰᠣᠷᠪᠣᠯᠵᠢᠯᠠᠭ᠎ᠠ ᠶᠢᠨ ᠵᠦᠢᠯᠡᠰ ᠢ ᠬᠦᠯᠢᠶᠡᠨ ᠠᠪᠣᠭᠰᠠᠨ᠂ ᠰᠢᠢᠳᠪᠦᠷᠢᠯᠡᠭᠰᠡᠨ ᠪᠠᠶᠢᠪᠠᠯ︔    ︵ᠠᠷᠪᠠ︶ ᠬᠠᠣᠯᠢ ᠰᠠᠬᠢᠯᠭ᠎ᠠ ᠠᠴᠠ ᠵᠦᠷᠢᠴᠡᠭᠰᠡᠨ ᠪᠣᠰᠣᠳ ᠦᠢᠯᠡ ᠠᠵᠢᠯᠯᠠᠭ᠎ᠠ ᠲᠠᠢ ᠪᠠᠶᠢᠪᠠᠯ᠃     ᠭᠤᠴᠢᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠶᠢᠮᠠᠭ ᠤᠨ ᠠᠵᠢᠯ ᠤᠨ ᠵᠦᠪᠯᠡᠯ ᠤᠨ ᠵᠠᠬᠢᠳᠠᠯ ᠰᠣᠷᠪᠣᠯᠵᠢᠯᠠᠭ᠎ᠠ ᠶᠢᠨ ᠠᠵᠢᠯ ᠳᠤ ᠳᠣᠰ ᠲᠦᠷᠢᠮ ᠢ ᠬᠡᠷᠡᠭᠯᠡᠨ᠎ᠡ᠃     ᠭᠤᠴᠢᠨ ᠨᠢᠭᠡᠳᠦᠭᠡᠷ ᠵᠦᠢᠯ ᠳᠣᠰ ᠲᠦᠷᠢᠮ ᠢ ᠨᠡᠶᠢᠳᠡᠯᠡᠭᠰᠡᠨ ᠡᠳᠦᠷ ᠠᠴᠠ ᠨᠢ ᠡᠬᠢᠯᠡᠨ ᠬᠡᠷᠡᠭᠵᠢᠭᠦᠯᠦᠨ᠎ᠡ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号