ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠵᠢᠯᠳᠠᠨ ᠠᠵᠢᠯᠴᠢᠨ ᠤ ᠬᠡᠷᠡᠭ ᠮᠡᠳᠡᠭᠴᠢ ᠠᠵᠢᠯᠳᠠᠨ ᠠᠵᠢᠯᠴᠢᠨ ᠤ  ᠬᠡᠷᠡᠭ ᠬᠢᠨᠠᠭᠴᠢ ᠶᠢᠨ ᠲᠦᠷᠢᠮ
ᠨᠡᠶᠢᠲᠡᠯᠡᠭᠰᠡᠨ ᠴᠠᠭ᠄
2020-06-17
   ︵2006 ᠣᠨ ᠤ 9 ᠰᠠᠷ᠎ᠠ ᠶᠢᠨ 29᠎ ᠤ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠦᠷᠪᠡᠳᠦᠭᠡᠷ ᠬᠤᠷᠠᠯ ᠠᠴᠠ ᠪᠠᠳᠣᠯᠠᠪᠠ︶    ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ                      ᠲᠦᠴᠢᠨ ᠨᠢᠭᠡᠳᠦᠭᠡᠷ ᠳᠣᠭᠠᠳᠣ    2006 ᠣᠨ ᠤ 9 ᠰᠠᠷ᠎ᠠ ᠶᠢᠨ 29᠎ ᠤ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠲᠦᠷᠪᠡᠳᠦᠭᠡᠷ ᠬᠤᠷᠠᠯ ᠠᠴᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠵᠢᠯᠳᠠᠨ ᠠᠵᠢᠯᠴᠢᠨ ᠤ ᠬᠡᠷᠡᠭ ᠮᠡᠳᠡᠭᠴᠢ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ︾᠎ ᠢ ᠪᠠᠳᠣᠯᠠᠪᠠ᠃ ᠣᠳᠣ ᠨᠡᠶᠢᠳᠡᠯᠡᠶ᠎ᠡ᠂ 2007 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠳᠦᠭᠡᠢ᠃                    2006 ᠣᠨ ᠤ 9 ᠰᠠᠷ᠎ᠠ ᠶᠢᠨ 29᠎ ᠤ ᠡᠳᠦᠷ    ᠨᠢᠭᠡᠳᠦᠭᠡᠷ ᠵᠦᠢᠯ ᠣᠳᠣ ᠦᠶ᠎ᠡ ᠶᠢᠨ ᠠᠵᠣ ᠠᠬᠤᠢ ᠶᠢᠨ ᠲᠦᠷᠢᠮ ᠤᠨ ᠱᠠᠭᠠᠷᠳᠠᠯᠭ᠎ᠠ ᠳᠤ ᠵᠣᠬᠢᠴᠠᠭᠤᠯᠵᠣ᠂ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠠᠣᠯᠢ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠵᠢᠷᠣᠮᠵᠢᠭᠤᠯᠣᠨ᠂ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾ ᠵᠡᠷᠭᠡ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠳᠣᠭᠳᠠᠭᠠᠯ ᠢ ᠦᠨᠳᠦᠰᠦᠯᠡᠨ᠂ ᠦᠪᠡᠷᠳᠡᠭᠡᠨ ᠵᠠᠰᠠᠬᠤ ᠣᠷᠣᠨ ᠤ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠵᠣ᠂ ᠳᠣᠰ ᠲᠦᠷᠢᠮ ᠢ ᠳᠣᠭᠳᠠᠭᠠᠪᠠ᠃     ᠬᠤᠶᠠᠳᠣᠭᠠᠷ ᠵᠦᠢᠯ ᠳᠣᠰ ᠲᠦᠷᠢᠮ ᠢ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠳᠣᠷᠠᠬᠢ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢ ᠬᠠᠣᠯᠢ ᠶᠣᠰᠣᠭᠠᠷ ᠪᠠᠶᠢᠭᠤᠯᠬᠤ ᠴᠢᠬᠤᠯᠠ ᠲᠠᠢ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠪᠠ ᠬᠤᠪᠢ ᠣᠷᠣᠭᠤᠯᠣᠭᠰᠠᠨ ᠬᠠᠷᠢᠭᠤᠴᠠᠯᠭᠠᠳᠣ ᠺᠣᠮᠫᠠᠨᠢ ᠳᠤ ᠬᠡᠷᠡᠭᠯᠡᠨ᠎ᠡ᠃     ᠭᠤᠷᠪᠠᠳᠣᠭᠠᠷ ᠵᠦᠢᠯ ᠳᠣᠰ ᠲᠦᠷᠢᠮ ᠳᠤ ᠬᠡᠯᠡᠵᠦ ᠪᠠᠶᠢᠭ᠎ᠠ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠬᠡᠳᠡᠭ ᠪᠣᠯ ᠺᠣᠮᠫᠠᠨᠢ ᠶᠢᠨ ᠠᠵᠢᠯᠳᠠᠨ ᠠᠵᠢᠯᠴᠢᠨ ᠨᠠᠷ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠠᠵᠢᠯᠴᠢᠨ ᠤ ᠶᠡᠭᠡ ᠬᠤᠷᠠᠯ ᠪᠣᠶᠣ ᠪᠣᠰᠣᠳ ᠬᠡᠯᠪᠡᠷᠢ ᠪᠠᠷ ᠳᠠᠮᠵᠢᠭᠤᠯᠣᠨ ᠠᠷᠠᠳᠴᠢᠯᠠᠯ ᠢᠶᠠᠷ ᠰᠣᠩᠭᠤᠨ ᠭᠠᠷᠭᠠᠭᠰᠠᠨ ᠬᠡᠷᠡᠭ ᠮᠡᠳᠡᠭᠴᠢ ᠪᠠ ᠬᠡᠷᠡᠭ ᠬᠢᠨᠠᠭᠴᠢᠳ ᠢ ᠵᠢᠭᠠᠵᠣ ᠪᠠᠶᠢᠨ᠎ᠠ᠃     ᠲᠦᠷᠪᠡᠳᠦᠭᠡᠷ ᠵᠦᠢᠯ ᠺᠣᠮᠫᠠᠨᠢ ᠶᠢ ᠬᠠᠮᠢᠶᠠᠷᠴᠣ ᠬᠢᠨᠠᠯᠳᠠ ᠳᠠᠯᠪᠢᠬᠤ ᠳᠣᠰᠢᠶᠠᠯ ᠬᠠᠷᠢᠭᠤᠴᠠᠯᠭ᠎ᠠ ᠲᠠᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠳᠣᠰ ᠳᠣᠰ ᠤᠨ ᠳᠣᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠠᠨ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ ᠤᠨ ᠪᠠᠶᠢᠭᠤᠯᠣᠯᠳᠠ ᠪᠠ ᠬᠡᠷᠡᠭᠵᠢᠭᠦᠯᠦᠯᠳᠡ ᠳᠤ ᠬᠠᠣᠯᠢ ᠶᠣᠰᠣᠭᠠᠷ ᠬᠢᠨᠠᠯᠳᠠ ᠳᠠᠯᠪᠢᠵᠣ ᠪᠠᠶᠢᠴᠠᠭᠠᠬᠤ ᠬᠡᠷᠡᠭᠳᠡᠢ᠃    ᠡᠯ᠎ᠡ ᠱᠠᠳᠣᠨ ᠤ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠨᠢ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠠᠵᠢᠯᠴᠢᠨ ᠤ ᠡᠪᠯᠡᠯ ᠤᠨ ᠬᠠᠣᠯᠢ︾ ᠵᠡᠷᠭᠡ ᠬᠠᠣᠯᠢ ᠴᠠᠭᠠᠵᠠ᠂ ᠬᠠᠣᠯᠢ ᠳᠣᠭᠳᠠᠭᠠᠯ ᠤᠨ ᠳᠣᠭᠳᠠᠭᠠᠯ ᠶᠣᠰᠣᠭᠠᠷ ᠺᠣᠮᠫᠠᠨᠢ ᠶᠢᠨ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ ᠢ ᠪᠠᠶᠢᠭᠤᠯᠬᠤ ᠶᠢ ᠰᠢᠪᠠᠳᠠᠭᠤᠯᠵᠣ᠂ ᠺᠣᠮᠫᠠᠨᠢ ᠶᠢᠨ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠠᠣᠯᠢ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠳᠡᠮᠵᠢᠨ ᠬᠠᠪᠰᠣᠷᠬᠤ ᠬᠡᠷᠡᠭᠳᠡᠢ᠃     ᠳᠠᠪᠣᠳᠣᠭᠠᠷ ᠵᠦᠢᠯ ᠣᠯᠣᠰ ᠤᠨ ᠦᠮᠴᠢᠯᠡᠯ ᠤᠨ ᠳᠣᠰᠠᠭᠠᠷ ᠪᠡᠯᠡᠳᠦ ᠺᠣᠮᠫᠠᠨᠢ᠂ ᠬᠤᠶᠠᠷ ᠠᠴᠠ ᠳᠡᠭᠡᠭᠰᠢ ᠣᠯᠣᠰ ᠤᠨ ᠦᠮᠴᠢᠯᠡᠯ ᠤᠨ ᠠᠵᠣ ᠠᠬᠤᠢᠢᠯᠠᠯ ᠪᠣᠶᠣ ᠬᠤᠶᠠᠷ ᠠᠴᠠ ᠳᠡᠭᠡᠭᠰᠢ ᠣᠯᠣᠰ ᠤᠨ ᠦᠮᠴᠢᠯᠡᠯ ᠤᠨ ᠪᠡᠯᠡ ᠣᠷᠣᠭᠤᠯᠣᠯᠳᠠ ᠶᠢᠨ ᠭᠤᠣᠯ ᠴᠣᠭᠴᠠ ᠶᠢᠨ ᠪᠡᠯᠡ ᠣᠷᠣᠭᠤᠯᠣᠨ ᠪᠠᠶᠢᠭᠤᠯᠣᠭᠰᠠᠨ ᠪᠣᠰᠣᠳ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠶᠢᠨ ᠬᠡᠷᠡᠭ ᠮᠡᠳᠡᠭᠴᠢ ᠶᠢᠨ ᠬᠤᠷᠠᠯ ᠤᠨ ᠪᠦᠷᠢᠯᠳᠦᠭᠦᠨ ᠤ ᠳᠣᠳᠣᠷ᠎ᠠ ᠺᠣᠮᠫᠠᠨᠢ ᠶᠢᠨ ᠠᠵᠢᠯᠳᠠᠨ ᠠᠵᠢᠯᠴᠢᠨ ᠤ ᠲᠦᠯᠦᠭᠡᠯᠡᠭᠴᠢ ᠪᠠᠶᠢᠬᠤ ᠬᠡᠷᠡᠭᠳᠡᠢ︔ ᠪᠣᠰᠣᠳ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠪᠠ ᠬᠤᠪᠢ ᠣᠷᠣᠭᠤᠯᠣᠭᠰᠠᠨ ᠪᠦᠷᠢᠨ ᠪᠣᠰᠣ ᠺᠣᠮᠫᠠᠨᠢ ᠶᠢᠨ ᠬᠡᠷᠡᠭ ᠮᠡᠳᠡᠭᠴᠢ ᠶᠢᠨ ᠬᠤᠷᠠᠯ ᠤᠨ ᠪᠦᠷᠢᠯᠳᠦᠭᠦᠨ ᠤ ᠳᠣᠳᠣᠷ᠎ᠠ ᠺᠣᠮᠫᠠᠨᠢ ᠶᠢᠨ ᠠᠵᠢᠯᠳᠠᠨ ᠠᠵᠢᠯᠴᠢᠨ ᠤ ᠲᠦᠯᠦᠭᠡᠯᠡᠭᠴᠢ ᠪᠠᠶᠢᠵᠣ ᠪᠣᠯᠣᠨ᠎ᠠ᠃    ᠠᠵᠢᠯᠳᠠᠨ ᠠᠵᠢᠯᠴᠢᠨ ᠤ ᠬᠡᠷᠡᠭ ᠮᠡᠳᠡᠭᠴᠢ ᠶᠢ ᠬᠠᠣᠯᠢ ᠶᠣᠰᠣᠭᠠᠷ ᠪᠠᠶᠢᠭᠤᠯᠣᠭᠰᠠᠨ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠪᠠ ᠬᠤᠪᠢ ᠣᠷᠣᠭᠤᠯᠣᠭᠰᠠᠨ ᠪᠦᠷᠢᠨ ᠪᠣᠰᠣ ᠺᠣᠮᠫᠠᠨᠢ ᠨᠢ ᠲᠦᠷᠢᠮ ᠳᠣᠭᠳᠠᠭᠠᠯ ᠳᠤ ᠎ ᠪᠠᠨ ᠠᠵᠢᠯᠳᠠᠨ ᠠᠵᠢᠯᠴᠢᠨ ᠤ ᠬᠡᠷᠡᠭ ᠮᠡᠳᠡᠭᠴᠢ ᠶᠢᠨ ᠳᠤᠭ᠎ᠠ ᠶᠢ ᠳᠣᠭᠳᠠᠭᠠᠬᠤ ᠬᠡᠷᠡᠭᠳᠡᠢ᠃    ᠬᠡᠷᠡᠭ ᠬᠢᠨᠠᠭᠴᠢ ᠶᠢᠨ ᠬᠤᠷᠠᠯ ᠪᠠᠶᠢᠭᠤᠯᠣᠭᠰᠠᠨ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠪᠠ ᠬᠤᠪᠢ ᠣᠷᠣᠭᠤᠯᠣᠭᠰᠠᠨ ᠪᠦᠷᠢᠨ ᠪᠣᠰᠣ ᠺᠣᠮᠫᠠᠨᠢ ᠶᠢᠨ ᠬᠡᠷᠡᠭ ᠬᠢᠨᠠᠭᠴᠢ ᠶᠢᠨ ᠬᠤᠷᠠᠯ ᠤᠨ ᠪᠦᠷᠢᠯᠳᠦᠭᠦᠨ ᠤ ᠳᠣᠳᠣᠷ᠎ᠠ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠠᠷᠢᠴᠠᠯ ᠢ ᠭᠤᠷᠪᠠᠨ ᠤ ᠨᠢᠭᠡ ᠬᠤᠪᠢ ᠠᠴᠠ ᠳᠣᠣᠷ᠎ᠠ ᠪᠠᠶᠢᠯᠭᠠᠵᠣ ᠪᠣᠯᠬᠤ ᠦᠭᠡᠢ᠂ ᠪᠣᠳᠠᠳᠠᠢ ᠬᠠᠷᠢᠴᠠᠯ ᠢ ᠺᠣᠮᠫᠠᠨᠢ ᠶᠢᠨ ᠲᠦᠷᠢᠮ ᠳᠣᠭᠳᠠᠭᠠᠯ ᠳᠤ ᠳᠣᠭᠳᠠᠭᠠᠬᠤ ᠬᠡᠷᠡᠭᠳᠡᠢ᠃     ᠵᠢᠷᠭᠤᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠎ ᠨᠢ ᠳᠣᠣᠷᠠᠬᠢ ᠦᠨᠳᠦᠰᠦᠨ ᠨᠦᠬᠦᠴᠡᠯ ᠢ ᠪᠦᠷᠢᠯᠳᠦᠭᠦᠯᠬᠦ ᠬᠡᠷᠡᠭᠳᠡᠢ᠄    ︵ᠨᠢᠭᠡ︶ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾᠎ ᠳᠤ ᠳᠣᠭᠳᠠᠭᠠᠭᠰᠠᠨ ᠬᠡᠷᠡᠭ ᠮᠡᠳᠡᠭᠴᠢ᠂ ᠬᠡᠷᠡᠭ ᠬᠢᠨᠠᠭᠴᠢ ᠶᠢᠨ ᠬᠢᠷᠢ ᠭᠡᠮ ᠤᠨ ᠨᠦᠬᠦᠴᠡᠯ ᠳᠤ ᠨᠡᠶᠢᠴᠡᠭᠰᠡᠨ ᠳᠣᠰ ᠺᠣᠮᠫᠠᠨᠢ ᠶᠢᠨ ᠠᠵᠢᠯᠳᠠᠨ ᠠᠵᠢᠯᠴᠢᠨ ᠪᠠᠶᠢᠬᠤ ᠬᠡᠷᠡᠭᠳᠡᠢ︔    ︵ᠬᠤᠶᠠᠷ︶ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠳᠣᠭᠳᠠᠭᠠᠯ ᠢ ᠪᠣᠯᠪᠠᠰᠣᠷᠠᠩᠭᠤᠢ ᠮᠡᠳᠡᠬᠦ ᠮᠦᠷᠳᠡᠭᠡᠨ ᠬᠡᠷᠡᠭ ᠵᠦᠪᠯᠡᠬᠦ ᠪᠡ ᠰᠢᠢᠳᠪᠦᠷᠢᠳᠦ ᠪᠣᠳᠣᠯᠭ᠎ᠠ ᠳᠣᠭᠳᠠᠭᠠᠬᠤ ᠳᠤ ᠣᠷᠣᠯᠴᠠᠬᠤ ᠴᠢᠳᠠᠪᠣᠷᠢ ᠲᠠᠢ ᠪᠠᠶᠢᠬᠤ ᠬᠡᠷᠡᠭᠳᠡᠢ︔    ︵ᠭᠤᠷᠪᠠ︶ ᠠᠵᠢᠯᠳᠠᠨ ᠠᠵᠢᠯᠴᠢᠨ ᠤ ᠠᠰᠢᠭ ᠳᠣᠰᠠ ᠶᠢ ᠲᠦᠯᠦᠭᠡᠯᠡᠨ᠂ ᠠᠵᠢᠯᠳᠠᠨ ᠠᠵᠢᠯᠴᠢᠨ ᠤ ᠬᠦᠰᠡᠯ ᠰᠠᠨᠠᠯ ᠢ ᠳᠣᠰᠬᠠᠵᠣ᠂ ᠠᠵᠢᠯᠳᠠᠨ ᠠᠵᠢᠯᠴᠢᠨ ᠣᠯᠠᠨ ᠲᠦᠮᠡᠨ ᠲᠠᠢ ᠨᠢᠭᠳᠠ ᠬᠠᠷᠢᠯᠴᠠᠵᠣ ᠴᠢᠳᠠᠬᠤ ᠪᠠᠶᠢᠬᠤ ᠬᠡᠷᠡᠭᠳᠡᠢ︔    ︵ᠲᠦᠷᠪᠡ︶ ᠬᠠᠣᠯᠢ ᠴᠠᠭᠠᠵᠠ᠂ ᠬᠠᠣᠯᠢ ᠳᠣᠭᠳᠠᠭᠠᠯ ᠪᠠ ᠺᠣᠮᠫᠠᠨᠢ ᠶᠢᠨ ᠲᠦᠷᠢᠮ ᠳᠣᠭᠳᠠᠭᠠᠯ ᠳᠤ ᠳᠣᠭᠳᠠᠭᠠᠭᠰᠠᠨ ᠪᠣᠰᠣᠳ ᠨᠦᠬᠦᠴᠡᠯ ᠳᠤ ᠨᠡᠶᠢᠴᠡᠭᠰᠡᠨ ᠪᠠᠶᠢᠬᠤ ᠬᠡᠷᠡᠭᠳᠡᠢ᠃     ᠳᠣᠯᠣᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ ᠪᠠ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢ ᠳᠣᠰ ᠺᠣᠮᠫᠠᠨᠢ ᠶᠢᠨ ᠠᠵᠢᠯᠴᠢᠨ ᠤ ᠡᠪᠯᠡᠯ ᠨᠢ ᠦᠷᠭᠡᠨ ᠢᠶᠠᠷ ᠰᠠᠨᠠᠯ ᠬᠤᠷᠢᠶᠠᠭᠰᠠᠨ ᠤ ᠰᠠᠭᠤᠷᠢᠨ ᠳᠡᠭᠡᠷ᠎ᠡ ᠨᠡᠷ᠎ᠡ ᠳᠣᠷᠠᠳᠴᠣ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠠᠵᠢᠯᠴᠢᠨ ᠤ ᠶᠡᠭᠡ ᠬᠤᠷᠠᠯ ᠪᠣᠶᠣ ᠪᠣᠰᠣᠳ ᠬᠡᠯᠪᠡᠷᠢ ᠪᠠᠷ ᠠᠷᠠᠳᠴᠢᠯᠠᠯ ᠢᠶᠠᠷ ᠰᠣᠩᠭᠤᠵᠣ᠂ ᠣᠷᠣᠯᠴᠠᠬᠤ ᠶᠣᠰᠣ ᠎ ᠲᠠᠢ ᠬᠦᠮᠦᠨ ᠤ ᠳᠤᠭ᠎ᠠ ᠶᠢᠨ ᠬᠠᠭᠠᠰ ᠠᠴᠠ ᠳᠡᠭᠡᠭᠰᠢᠬᠢ ᠬᠦᠮᠦᠨ ᠤ ᠵᠦᠪᠰᠢᠶᠡᠷᠡᠭᠰᠡᠨ ᠪᠢᠯᠧᠲ ᠢ ᠣᠯᠣᠭᠰᠠᠨ ᠪᠠᠶᠢᠪᠠᠯ ᠰᠠᠶ᠋ᠢ ᠰᠣᠩᠭᠤᠭᠳᠠᠭᠰᠠᠨ ᠳᠤ ᠳᠣᠭᠠᠴᠢᠭᠳᠠᠬᠤ ᠪᠦᠭᠡᠳ ᠳᠡᠭᠡᠷ᠎ᠡ ᠨᠢᠭᠡ ᠱᠠᠳᠣᠨ ᠤ ᠠᠵᠢᠯᠴᠢᠨ ᠤ ᠡᠪᠯᠡᠯ ᠎ ᠳᠤ ᠪᠠᠨ ᠮᠡᠳᠡᠭᠦᠯᠵᠦ ᠳᠠᠩᠰᠠᠯᠠᠭᠤᠯᠬᠤ ᠬᠡᠷᠡᠭᠳᠡᠢ᠃    ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾᠎ ᠳᠤ ᠳᠣᠭᠳᠠᠭᠠᠭᠰᠠᠨ ᠳᠡᠭᠡᠳᠦ ᠳᠡᠰ ᠤᠨ ᠬᠠᠮᠢᠶᠠᠷᠣᠯᠳᠠ ᠶᠢᠨ ᠠᠵᠢᠯᠳᠠᠨ ᠪᠠ ᠬᠡᠷᠡᠭ ᠮᠡᠳᠡᠭᠴᠢᠳ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠳᠣᠰᠢᠶᠠᠯ ᠢ ᠬᠠᠪᠰᠣᠷᠭᠠᠨ ᠬᠠᠷᠢᠭᠤᠴᠠᠵᠣ ᠪᠣᠯᠬᠤ ᠦᠭᠡᠢ᠃     ᠨᠠᠢᠮᠠᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠎ ᠶᠢᠨ ᠳᠣᠰᠢᠶᠠᠯ ᠤᠨ ᠬᠤᠭᠤᠴᠠᠭ᠎ᠠ ᠨᠢ ᠪᠣᠰᠣᠳ ᠬᠡᠷᠡᠭ ᠮᠡᠳᠡᠭᠴᠢ ᠪᠠ ᠬᠡᠷᠡᠭ ᠬᠢᠨᠠᠭᠴᠢ ᠶᠢᠨ ᠳᠣᠰᠢᠶᠠᠯ ᠤᠨ ᠬᠤᠭᠤᠴᠠᠭ᠎ᠠ ᠲᠠᠢ ᠠᠳᠠᠯᠢ᠂ ᠳᠣᠰᠢᠶᠠᠯ ᠤᠨ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠦᠷᠬᠦᠯᠵᠢᠯᠡᠨ ᠰᠣᠩᠭᠤᠭᠳᠠᠭᠰᠠᠨ ᠪᠠᠶᠢᠪᠠᠯ᠂ ᠦᠷᠬᠦᠯᠵᠢᠯᠡᠨ ᠳᠣᠰᠢᠶᠠᠯ ᠡᠭᠦᠷᠭᠡᠯᠡᠵᠦ ᠪᠣᠯᠣᠨ᠎ᠠ᠃     ᠶᠢᠰᠦᠳᠦᠭᠡᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠎ ᠨᠢ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠣᠶᠣ ᠬᠦᠨᠳᠦ ᠨᠣᠴᠢᠳᠠᠢ ᠠᠯᠳᠠᠭ᠎ᠠ ᠭᠠᠷᠭᠠᠭᠰᠠᠨ ᠪᠠᠶᠢᠪᠠᠯ᠂ ᠭᠤᠷᠪᠠᠨ ᠤ ᠨᠢᠭᠡ ᠬᠤᠪᠢ ᠠᠴᠠ ᠳᠡᠭᠡᠭᠰᠢᠬᠢ ᠠᠵᠢᠯᠳᠠᠨ ᠠᠵᠢᠯᠴᠢᠨ ᠤ ᠲᠦᠯᠦᠭᠡᠯᠡᠭᠴᠢ ᠳᠣᠷᠠᠳᠣᠯᠭ᠎ᠠ ᠭᠠᠷᠭᠠᠭᠰᠠᠨ ᠪᠠᠶᠢᠳᠠᠯ ᠳᠣᠣᠷ᠎ᠠ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠠᠵᠢᠯᠴᠢᠨ ᠤ ᠶᠡᠭᠡ ᠬᠤᠷᠠᠯ ᠪᠣᠶᠣ ᠪᠣᠰᠣᠳ ᠠᠷᠠᠳᠴᠢᠯᠠᠯ ᠤᠨ ᠬᠡᠯᠪᠡᠷᠢ ᠪᠠᠷ ᠳᠣᠰᠢᠶᠠᠯ ᠠᠴᠠ ᠨᠢ ᠣᠭᠴᠠᠷᠠᠭᠤᠯᠵᠣ ᠪᠣᠯᠣᠨ᠎ᠠ︔ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠠᠵᠢᠯᠴᠢᠨ ᠤ ᠶᠡᠭᠡ ᠬᠤᠷᠠᠯ ᠪᠣᠶᠣ ᠪᠣᠰᠣᠳ ᠠᠷᠠᠳᠴᠢᠯᠠᠯ ᠤᠨ ᠬᠡᠯᠪᠡᠷᠢ ᠶᠢᠨ ᠣᠷᠣᠯᠴᠠᠬᠤ ᠶᠣᠰᠣ ᠲᠠᠢ ᠬᠦᠮᠦᠨ ᠤ ᠳᠤᠭ᠎ᠠ ᠶᠢᠨ ᠬᠠᠭᠠᠰ ᠎ ᠠᠴᠠ ᠳᠡᠭᠡᠭᠰᠢᠬᠢ ᠳᠣᠭᠠᠨ ᠤ ᠬᠦᠮᠦᠨ ᠪᠠᠳᠣᠯᠠᠭᠰᠠᠨ ᠦᠭᠡᠢ ᠪᠠᠶᠢᠳᠠᠯ ᠳᠣᠣᠷ᠎ᠠ᠂ ᠳᠣᠰᠢᠶᠠᠯ ᠠᠴᠠ ᠨᠢ ᠣᠭᠴᠠᠷᠠᠭᠤᠯᠵᠣ ᠪᠣᠯᠬᠤ ᠦᠭᠡᠢ᠃     ᠠᠷᠪᠠᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠎ ᠶᠢᠨ ᠬᠤᠭᠤᠰᠣᠨ ᠣᠷᠣ ᠭᠠᠷᠣᠭᠰᠠᠨ ᠦᠶ᠎ᠡ ᠳᠤ᠂ ᠺᠣᠮᠫᠠᠨᠢ ᠶᠢᠨ ᠠᠵᠢᠯᠴᠢᠨ ᠤ ᠡᠪᠯᠡᠯ ᠨᠢ ᠳᠣᠰ ᠲᠦᠷᠢᠮ ᠤᠨ ᠳᠣᠯᠣᠳᠣᠭᠠᠷ ᠵᠦᠢᠯ ᠤᠨ ᠳᠣᠭᠳᠠᠭᠠᠯ ᠶᠣᠰᠣᠭᠠᠷ ᠴᠠᠭ ᠳᠣᠬᠠᠢ ᠳᠤ ᠨᠢ ᠨᠦᠬᠦᠨ ᠰᠣᠩᠭᠤᠬᠤ ᠵᠢᠱᠢᠭᠳᠡᠭᠴᠢ ᠶᠢ ᠳᠣᠷᠠᠳᠴᠣ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ᠂ ᠠᠵᠢᠯᠳᠠᠨ ᠠᠵᠢᠯᠴᠢᠨ ᠤ ᠶᠡᠭᠡ ᠬᠤᠷᠠᠯ ᠪᠣᠶᠣ ᠪᠣᠰᠣᠳ ᠠᠷᠠᠳᠴᠢᠯᠠᠯ ᠤᠨ ᠬᠡᠯᠪᠡᠷᠢ ᠪᠠᠷ ᠰᠣᠩᠭᠤᠬᠤ ᠬᠡᠷᠡᠭᠳᠡᠢ᠃ ᠬᠤᠭᠤᠰᠣᠨ ᠣᠷᠣ ᠪᠠᠶᠢᠬᠤ ᠴᠠᠭ ᠢ ᠶᠡᠷᠦ ᠳᠤ ᠪᠠᠨ 3 ᠰᠠᠷ᠎ᠠ ᠠᠴᠠ ᠬᠡᠳᠦᠷᠡᠭᠦᠯᠵᠦ ᠪᠣᠯᠬᠤ ᠦᠭᠡᠢ᠃     ᠠᠷᠪᠠᠨ ᠨᠢᠭᠡᠳᠦᠭᠡᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ ᠨᠢ ᠳᠣᠣᠷᠠᠬᠢ ᠡᠷᠬᠡ ᠶᠢ ᠬᠠᠣᠯᠢ ᠶᠣᠰᠣᠭᠠᠷ ᠭᠦᠢᠴᠡᠳᠭᠡᠨ᠎ᠡ᠄    ︵ᠨᠢᠭᠡ︶ ᠬᠡᠷᠡᠭ ᠮᠡᠳᠡᠭᠴᠢ ᠶᠢᠨ ᠬᠤᠷᠠᠯ ᠢᠶᠠᠷ ᠴᠠᠯᠢᠩ ᠬᠦᠯᠦᠰᠦ᠂ ᠱᠠᠩᠨᠠᠯ ᠤᠨ ᠮᠦᠩᠭᠦ᠂ ᠠᠰᠠᠷᠠᠮᠵᠢ ᠣᠯᠭᠤᠮᠵᠢ᠂ ᠬᠦᠳᠡᠯᠮᠦᠷᠢ ᠶᠢᠨ ᠠᠮᠣᠷ ᠲᠦᠪᠰᠢᠨ ᠠᠷᠢᠭᠤᠨ ᠴᠡᠪᠡᠷ᠂ ᠨᠡᠶᠢᠭᠡᠮ ᠤᠨ ᠳᠠᠭᠠᠳᠬᠠᠯ᠂ ᠬᠦᠳᠡᠯᠮᠦᠷᠢ ᠶᠢᠨ ᠬᠠᠷᠢᠴᠠᠭ᠎ᠠ ᠶᠢ ᠬᠤᠪᠢᠷᠠᠭᠤᠯᠬᠤ᠂ ᠬᠦᠮᠦᠨ ᠬᠠᠰᠣᠬᠤ ᠵᠡᠷᠭᠡ ᠠᠵᠢᠯᠳᠠᠨ ᠠᠵᠢᠯᠴᠢᠨ ᠤ ᠳᠣᠰ ᠪᠡᠶ᠎ᠡ ᠶᠢᠨ ᠠᠰᠢᠭ ᠳᠣᠰᠠ ᠲᠠᠢ ᠬᠤᠯᠪᠣᠭᠳᠠᠭᠰᠠᠨ ᠴᠢᠬᠤᠯᠠ ᠶᠡᠭᠡ ᠠᠰᠠᠭᠤᠳᠠᠯ ᠪᠠ ᠶᠠᠪᠣᠳᠠᠯ ᠢ ᠶᠠᠷᠢᠯᠴᠠᠨ ᠳᠣᠭᠳᠠᠭᠠᠬᠤ ᠦᠶ᠎ᠡ ᠳᠤ᠂ ᠠᠵᠢᠯᠳᠠᠨ ᠠᠵᠢᠯᠴᠢᠨ ᠤ ᠵᠦᠢ ᠶᠣᠰᠣᠨ ᠤ ᠱᠠᠭᠠᠷᠳᠠᠯᠭ᠎ᠠ ᠶᠢ ᠦᠨᠡᠨ ᠪᠣᠳᠠᠳᠠᠢ ᠪᠠᠷ ᠳᠣᠰᠬᠠᠨ᠂ ᠠᠵᠢᠯᠳᠠᠨ ᠠᠵᠢᠯᠴᠢᠨ ᠤ ᠬᠠᠣᠯᠢ ᠶᠣᠰᠣᠨ ᠤ ᠡᠷᠬᠡ ᠠᠰᠢᠭ ᠢ ᠲᠦᠯᠦᠭᠡᠯᠡᠬᠦ ᠪᠡ ᠬᠠᠮᠠᠭᠠᠯᠠᠬᠤ︔    ︵ᠬᠤᠶᠠᠷ︶ ᠬᠡᠷᠡᠭ ᠮᠡᠳᠡᠭᠴᠢ ᠶᠢᠨ ᠬᠤᠷᠠᠯ ᠢᠶᠠᠷ ᠺᠣᠮᠫᠠᠨᠢ ᠶᠢᠨ ᠳᠡᠭᠡᠳᠦ ᠳᠡᠰ ᠤᠨ ᠬᠠᠮᠢᠶᠠᠷᠣᠯᠳᠠ ᠶᠢᠨ ᠠᠵᠢᠯᠳᠠᠨ ᠢ ᠣᠷᠢᠨ ᠬᠡᠷᠡᠭᠯᠡᠬᠦ᠂ ᠣᠷᠢᠬᠤ ᠪᠠᠨ ᠪᠣᠯᠢᠬᠤ ᠶᠢ ᠰᠣᠳᠣᠯᠣᠨ ᠳᠣᠭᠳᠠᠭᠠᠬᠤ ᠦᠶ᠎ᠡ ᠳᠤ᠂ ᠺᠣᠮᠫᠠᠨᠢ ᠶᠢᠨ ᠬᠠᠮᠢᠶᠠᠷᠣᠯᠳᠠ ᠶᠢᠨ ᠠᠵᠢᠯᠳᠠᠨ ᠤ ᠳᠣᠬᠠᠢ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠠᠷᠠᠳᠴᠢᠯᠠᠯ ᠤᠨ ᠦᠨᠡᠯᠡᠯᠳᠡ ᠶᠢᠨ ᠪᠠᠶᠢᠳᠠᠯ ᠢ ᠦᠨᠡᠨ ᠪᠣᠳᠠᠳᠠᠢ ᠪᠠᠷ ᠳᠣᠰᠬᠠᠬᠤ︔    ︵ᠭᠤᠷᠪᠠ︶ ᠳᠡᠭᠦᠨ ᠤ ᠳᠣᠰᠢᠶᠠᠯ ᠬᠠᠷᠢᠭᠤᠴᠠᠯᠭ᠎ᠠ ᠲᠠᠢ ᠬᠤᠯᠪᠣᠭᠳᠠᠯ ᠲᠠᠢ ᠺᠣᠮᠫᠠᠨᠢ ᠶᠢᠨ ᠵᠠᠰᠠᠭ ᠵᠠᠬᠢᠷᠭᠠᠨ ᠤ ᠠᠯᠪᠠᠨ ᠬᠤᠷᠠᠯ ᠪᠠ ᠦᠢᠯᠡᠳᠪᠦᠷᠢᠯᠡᠯ ᠡᠵᠡᠩᠨᠡᠯᠳᠡ ᠶᠢᠨ ᠠᠵᠢᠯ ᠲᠠᠢ ᠬᠤᠯᠪᠣᠭᠳᠠᠯ ᠲᠠᠢ ᠴᠢᠬᠤᠯᠠ ᠬᠤᠷᠠᠯ ᠳᠤ ᠰᠣᠯᠠ ᠣᠷᠣᠯᠴᠠᠵᠣ ᠪᠣᠯᠣᠨ᠎ᠠ︔    ︵ᠲᠦᠷᠪᠡ︶ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠮᠵᠢ ᠳᠤ ᠬᠤᠯᠪᠣᠭᠳᠠᠯ ᠪᠦᠬᠦᠢ ᠪᠠᠶᠢᠳᠠᠯ ᠢ ᠳᠣᠰᠬᠠᠬᠤ︔    ︵ᠳᠠᠪᠤ︶ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾ ᠪᠠ ᠺᠣᠮᠫᠠᠨᠢ ᠎ ᠶᠢᠨ ᠲᠦᠷᠢᠮ ᠳᠣᠭᠳᠠᠭᠠᠯ ᠳᠤ ᠳᠣᠭᠳᠠᠭᠠᠭᠰᠠᠨ ᠪᠣᠰᠣᠳ ᠡᠷᠬᠡ᠃     ᠠᠷᠪᠠᠨ ᠬᠤᠶᠠᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠬᠢᠨᠠᠭᠴᠢ ᠳᠣᠣᠷᠠᠬᠢ ᠡᠷᠬᠡ ᠶᠢ ᠬᠠᠣᠯᠢ ᠶᠣᠰᠣᠭᠠᠷ ᠭᠦᠢᠴᠡᠳᠭᠡᠨ᠎ᠡ᠄    ︵ᠨᠢᠭᠡ︶ ᠺᠣᠮᠫᠠᠨᠢ ᠶᠢᠨ ᠠᠵᠢᠯᠳᠠᠨ ᠠᠵᠢᠯᠴᠢᠨ ᠤ ᠳᠣᠰ ᠪᠡᠶ᠎ᠡ ᠶᠢᠨ ᠠᠰᠢᠭ ᠳᠣᠰᠠ ᠲᠠᠢ ᠬᠤᠯᠪᠣᠭᠳᠠᠭᠰᠠᠨ ᠬᠠᠣᠯᠢ ᠴᠠᠭᠠᠵᠠ᠂ ᠬᠠᠣᠯᠢ ᠳᠣᠭᠳᠠᠭᠠᠯ ᠪᠠ ᠺᠣᠮᠫᠠᠨᠢ ᠶᠢᠨ ᠲᠦᠷᠢᠮ ᠳᠣᠭᠳᠠᠭᠠᠯ ᠢ ᠳᠣᠣᠱᠯᠠᠭᠤᠯᠣᠨ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤ ᠣᠷᠣᠯᠴᠠᠬᠤ︔    ︵ᠬᠤᠶᠠᠷ︶ ᠺᠣᠮᠫᠠᠨᠢ ᠶᠢᠨ ᠠᠵᠢᠯᠳᠠᠨ ᠠᠵᠢᠯᠴᠢᠨ ᠤ ᠡᠯ᠎ᠡ ᠵᠦᠢᠯ ᠤᠨ ᠳᠠᠭᠠᠳᠬᠠᠯ ᠤᠨ ᠰᠠᠭᠤᠷᠢ ᠮᠦᠩᠭᠦ᠂ ᠠᠵᠢᠯᠴᠢᠨ ᠤ ᠡᠪᠯᠡᠯ ᠤᠨ ᠰᠦᠢᠳᠭᠡᠯ ᠢ ᠬᠤᠪᠢᠳᠠᠨ ᠦᠯᠡᠳᠡᠭᠡᠵᠦ ᠳᠣᠰᠢᠶᠠᠭᠰᠠᠨ ᠪᠠᠶᠢᠳᠠᠯ ᠪᠠ ᠠᠵᠢᠯᠳᠠᠨ ᠠᠵᠢᠯᠴᠢᠨ ᠤ ᠴᠠᠯᠢᠩ ᠬᠦᠯᠦᠰᠦ᠂ ᠠᠰᠠᠷᠠᠮᠵᠢ ᠣᠯᠭᠤᠮᠵᠢ᠂ ᠬᠦᠳᠡᠯᠮᠦᠷᠢ ᠶᠢᠨ ᠬᠠᠮᠠᠭᠠᠯᠠᠯᠳᠠ᠂ ᠨᠡᠶᠢᠭᠡᠮ ᠤᠨ ᠳᠠᠭᠠᠳᠬᠠᠯ ᠵᠡᠷᠭᠡ ᠲᠦᠷᠢᠮ ᠤᠨ ᠬᠡᠷᠡᠭᠵᠢᠭᠦᠯᠦᠯᠳᠡ ᠶᠢᠨ ᠪᠠᠶᠢᠳᠠᠯ ᠢ ᠳᠣᠭᠳᠠᠮᠠᠯ ᠬᠤᠭᠤᠴᠠᠭ᠎ᠠ ᠲᠠᠢ ᠪᠠᠷ ᠬᠢᠨᠠᠯᠳᠠ ᠳᠠᠯᠪᠢᠨ ᠪᠠᠶᠢᠴᠠᠭᠠᠬᠤ︔    ︵ᠭᠤᠷᠪᠠ︶ ᠳᠡᠭᠦᠨ ᠤ ᠳᠣᠰᠢᠶᠠᠯ ᠬᠠᠷᠢᠭᠤᠴᠠᠯᠭ᠎ᠠ ᠲᠠᠢ ᠬᠤᠯᠪᠣᠭᠳᠠᠯ ᠲᠠᠢ ᠺᠣᠮᠫᠠᠨᠢ ᠶᠢᠨ ᠵᠠᠰᠠᠭ ᠵᠠᠬᠢᠷᠭᠠᠨ ᠤ ᠠᠯᠪᠠᠨ ᠬᠤᠷᠠᠯ ᠪᠠ ᠦᠢᠯᠡᠳᠪᠦᠷᠢᠯᠡᠯ ᠡᠵᠡᠩᠨᠡᠯᠳᠡ ᠶᠢᠨ ᠠᠵᠢᠯ ᠲᠠᠢ ᠬᠤᠯᠪᠣᠭᠳᠠᠯ ᠪᠦᠬᠦᠢ ᠴᠢᠬᠤᠯᠠ ᠬᠤᠷᠠᠯ ᠳᠤ ᠰᠣᠯᠠ ᠣᠷᠣᠯᠴᠠᠵᠣ ᠪᠣᠯᠣᠨ᠎ᠠ︔    ︵ᠲᠦᠷᠪᠡ︶ ᠳᠡᠭᠡᠳᠦ ᠱᠠᠳᠣᠨ ᠤ ᠠᠵᠢᠯᠴᠢᠨ ᠤ ᠡᠪᠯᠡᠯ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠪᠠ ᠪᠠᠶᠢᠭᠤᠯᠣᠮᠵᠢ ᠳᠤ ᠬᠤᠯᠪᠣᠭᠳᠠᠯ ᠪᠦᠬᠦᠢ ᠪᠠᠶᠢᠳᠠᠯ ᠢ ᠳᠣᠰᠬᠠᠬᠤ︔    ︵ᠳᠠᠪᠤ︶ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾ ᠪᠠ ᠺᠣᠮᠫᠠᠨᠢ ᠎ ᠶᠢᠨ ᠲᠦᠷᠢᠮ ᠳᠣᠭᠳᠠᠭᠠᠯ ᠳᠤ ᠳᠣᠭᠳᠠᠭᠠᠭᠰᠠᠨ ᠪᠣᠰᠣᠳ ᠡᠷᠬᠡ᠃     ᠠᠷᠪᠠᠨ ᠭᠤᠷᠪᠠᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ ᠪᠠ ᠠᠵᠢᠯᠳᠠᠨ ᠠᠵᠢᠯᠴᠢᠨ ᠤ ᠬᠡᠷᠡᠭ ᠬᠢᠨᠠᠭᠴᠢ ᠳᠣᠣᠷᠠᠬᠢ ᠡᠭᠦᠷᠭᠡ ᠶᠢ ᠭᠦᠢᠴᠡᠳᠭᠡᠬᠦ ᠬᠡᠷᠡᠭᠳᠡᠢ᠄    ︵ᠨᠢᠭᠡ︶ ᠬᠤᠯᠪᠣᠭᠳᠠᠯ ᠪᠦᠬᠦᠢ ᠬᠠᠣᠯᠢ ᠴᠠᠭᠠᠵᠠ᠂ ᠬᠠᠣᠯᠢ ᠳᠣᠭᠳᠠᠭᠠᠯ ᠪᠠ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠳᠡ ᠶᠢᠨ ᠪᠠᠶᠢᠳᠠᠯ ᠢᠶᠠᠨ ᠪᠣᠯᠪᠠᠰᠣᠷᠠᠩᠭᠤᠢ ᠮᠡᠳᠡᠬᠦ ᠬᠡᠷᠡᠭᠳᠡᠢ ᠪᠦᠭᠡᠳ ᠬᠠᠣᠯᠢ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠣᠷᠢ ᠪᠠᠨ ᠳᠠᠰᠣᠷᠠᠯᠳᠠ ᠦᠭᠡᠢ ᠳᠡᠭᠡᠭᠰᠢᠯᠡᠭᠦᠯᠬᠦ ᠬᠡᠷᠡᠭᠳᠡᠢ︔    ︵ᠬᠤᠶᠠᠷ︶ ᠠᠵᠢᠯᠳᠠᠨ ᠠᠵᠢᠯᠴᠢᠨ ᠤ ᠰᠠᠨᠠᠯ᠂ ᠰᠠᠨᠠᠭᠤᠯᠭ᠎ᠠ ᠶᠢ ᠪᠠᠶᠢᠩᠭᠤ ᠪᠣᠶᠣ ᠳᠣᠭᠳᠠᠮᠠᠯ ᠬᠤᠭᠤᠴᠠᠭ᠎ᠠ ᠎ ᠲᠠᠢ ᠪᠠᠷ ᠰᠣᠨᠣᠰᠴᠣ᠂ ᠬᠡᠷᠡᠭ ᠮᠡᠳᠡᠭᠴᠢ ᠶᠢᠨ ᠬᠤᠷᠠᠯ ᠪᠠ ᠬᠡᠷᠡᠭ ᠬᠢᠨᠠᠭᠴᠢ ᠶᠢᠨ ᠬᠤᠷᠠᠯ ᠳᠤ ᠰᠢᠢᠳᠪᠦᠷᠢᠳᠦ ᠪᠣᠳᠣᠯᠭ᠎ᠠ ᠳᠣᠭᠳᠠᠭᠠᠬᠤ ᠦᠨᠳᠦᠰᠦ ᠪᠠᠷᠢᠮᠳᠡ ᠬᠠᠩᠭᠠᠬᠤ ᠬᠡᠷᠡᠭᠳᠡᠢ︔    ︵ᠭᠤᠷᠪᠠ︶ ᠺᠣᠮᠫᠠᠨᠢ ᠪᠠ ᠠᠵᠢᠯᠳᠠᠨ ᠠᠵᠢᠯᠴᠢᠨ ᠤ ᠠᠰᠢᠭ ᠳᠣᠰᠠ ᠶᠢ ᠬᠠᠮᠠᠭᠠᠯᠠᠵᠣ᠂ ᠬᠡᠷᠡᠭ ᠮᠡᠳᠡᠭᠴᠢ ᠶᠢᠨ ᠬᠤᠷᠠᠯ ᠪᠠ ᠬᠡᠷᠡᠭ ᠬᠢᠨᠠᠭᠴᠢ ᠶᠢᠨ ᠬᠤᠷᠠᠯ ᠢᠶᠠᠷ ᠠᠵᠢᠯᠳᠠᠨ ᠠᠵᠢᠯᠴᠢᠨ ᠤ ᠳᠣᠰ ᠪᠡᠶ᠎ᠡ ᠶᠢᠨ ᠠᠰᠢᠭ ᠳᠣᠰᠠ ᠲᠠᠢ ᠬᠤᠯᠪᠣᠭᠳᠠᠭᠰᠠᠨ ᠴᠢᠬᠤᠯᠠ ᠶᠡᠭᠡ ᠠᠰᠠᠭᠤᠳᠠᠯ ᠢ ᠶᠠᠷᠢᠯᠴᠠᠬᠤ ᠦᠶ᠎ᠡ ᠳᠤ᠂ ᠳᠣᠳᠣᠷᠬᠠᠢ ᠰᠠᠨᠠᠯ ᠪᠠ ᠰᠠᠨᠠᠭᠤᠯᠭ᠎ᠠ ᠳᠣᠷᠠᠳᠬᠤ ᠬᠡᠷᠡᠭᠳᠡᠢ︔    ︵ᠲᠦᠷᠪᠡ︶ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠣ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠰᠢᠢᠳᠪᠦᠷᠢ ᠶᠢ ᠬᠡᠷᠡᠭᠵᠢᠭᠦᠯᠦᠨ᠂ ᠬᠡᠷᠡᠭ ᠮᠡᠳᠡᠭᠴᠢ ᠶᠢᠨ ᠬᠤᠷᠠᠯ ᠪᠠ ᠬᠡᠷᠡᠭ ᠬᠢᠨᠠᠭᠴᠢ ᠶᠢᠨ ᠬᠤᠷᠠᠯ ᠳᠡᠭᠡᠷ᠎ᠡ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠤᠨ ᠬᠤᠯᠪᠣᠭᠳᠠᠯ ᠪᠦᠬᠦᠢ ᠳᠣᠭᠳᠠᠭᠠᠯ ᠤᠨ ᠵᠣᠷᠢᠭ ᠰᠠᠨᠠᠭ᠎ᠠ ᠶᠣᠰᠣᠭᠠᠷ ᠰᠠᠨᠠᠯ ᠢᠶᠠᠨ ᠳᠣᠷᠠᠳᠬᠤ ᠬᠡᠷᠡᠭᠳᠡᠢ︔    ︵ᠳᠠᠪᠤ︶ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠳᠤ ᠳᠣᠭᠳᠠᠮᠠᠯ ᠬᠤᠭᠤᠴᠠᠭ᠎ᠠ ᠲᠠᠢ ᠎ ᠪᠠᠷ ᠳᠣᠰᠢᠶᠠᠯ ᠤᠨ ᠬᠠᠷᠢᠭᠤ ᠮᠡᠳᠡᠭᠦᠯᠦᠯᠳᠡ ᠬᠢᠵᠦ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠠᠰᠠᠭᠤᠨ ᠯᠠᠪᠯᠠᠭ᠎ᠠ ᠳᠤ ᠬᠠᠷᠢᠭᠤᠯᠳᠠ ᠦᠭᠴᠦ᠂ ᠠᠵᠢᠯᠳᠠᠨ ᠠᠵᠢᠯᠴᠢᠨ ᠤ ᠲᠦᠯᠦᠭᠡᠯᠡᠭᠴᠢᠳ ᠤᠨ ᠶᠡᠭᠡ ᠬᠤᠷᠠᠯ ᠪᠠ ᠠᠵᠢᠯᠳᠠᠨ ᠠᠵᠢᠯᠴᠢᠨ ᠤ ᠬᠢᠨᠠᠯᠳᠠ ᠶᠢ ᠬᠦᠯᠢᠶᠡᠬᠦ ᠬᠡᠷᠡᠭᠳᠡᠢ︔    ︵ᠵᠢᠷᠭᠤᠭ᠎ᠠ︶ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾ ᠪᠠ ᠺᠣᠮᠫᠠᠨᠢ ᠶᠢᠨ ᠲᠦᠷᠢᠮ ᠳᠣᠭᠳᠠᠭᠠᠯ ᠳᠤ ᠳᠣᠭᠳᠠᠭᠠᠭᠰᠠᠨ ᠪᠣᠰᠣᠳ ᠡᠭᠦᠷᠬᠡ᠃     ᠠᠷᠪᠠᠨ ᠲᠦᠷᠪᠡᠳᠦᠭᠡᠷ ᠵᠦᠢᠯ ᠪᠦᠷᠢᠨ ᠪᠣᠰᠣ ᠬᠠᠷᠢᠭᠤᠴᠠᠯᠭᠠᠳᠣ ᠺᠣᠮᠫᠠᠨᠢ ᠪᠠ ᠬᠤᠪᠢ ᠣᠷᠣᠭᠤᠯᠣᠭᠰᠠᠨ ᠪᠦᠷᠢᠨ ᠪᠣᠰᠣ ᠺᠣᠮᠫᠠᠨᠢ ᠨᠢ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠎ ᠳᠤ ᠪᠣᠯᠪᠠᠰᠣᠷᠠᠯ ᠬᠦᠷᠳᠡᠭᠡᠵᠦ᠂ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠴᠢᠬᠤᠯᠠ ᠪᠦᠬᠦᠢ ᠠᠵᠢᠯ ᠤᠨ ᠨᠦᠬᠦᠴᠡᠯ ᠬᠠᠩᠭᠠᠨ ᠦᠭᠬᠦ ᠬᠡᠷᠡᠭᠳᠡᠢ᠃     ᠠᠷᠪᠠᠨ ᠳᠠᠪᠣᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠨᠢ ᠣᠴᠢᠷ ᠰᠢᠯᠳᠠᠭᠠᠨ ᠲᠠᠢ ᠠᠴᠠ ᠪᠣᠯᠵᠣ᠂ ᠠᠵᠢᠯᠳᠠᠨ ᠠᠵᠢᠯᠳᠠᠨ ᠤ ᠬᠡᠷᠡᠭ ᠮᠡᠳᠡᠭᠴᠢ ᠶᠢᠨ ᠬᠤᠷᠠᠯ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠤᠷᠠᠯ ᠳᠤ ᠣᠷᠣᠯᠴᠠᠵᠣ ᠳᠡᠶᠢᠯᠬᠦ ᠦᠭᠡᠢ ᠦᠶ᠎ᠡ ᠳᠤ᠂ ᠪᠣᠰᠣᠳ ᠬᠡᠷᠡᠭ ᠮᠡᠳᠡᠭᠴᠢ᠂ ᠬᠡᠷᠡᠭ ᠬᠢᠨᠠᠭᠴᠢ ᠳᠤ ᠪᠢᠴᠢᠭ ᠢᠶᠠᠷ ᠨᠠᠶᠢᠳᠠᠵᠣ ᠰᠠᠨᠠᠯ ᠢᠶᠠᠨ ᠣᠷᠣᠯᠠᠨ ᠳᠣᠰᠬᠠᠯᠭᠠᠵᠣ ᠪᠣᠯᠬᠤ ᠪᠦᠭᠡᠳ ᠨᠠᠶᠢᠳᠠᠯᠭ᠎ᠠ ᠶᠢᠨ ᠪᠢᠴᠢᠭ ᠲᠤ ᠪᠠᠨ ᠡᠷᠬᠡ ᠣᠯᠭᠤᠭᠰᠠᠨ ᠬᠡᠪᠴᠢᠶ᠎ᠡ ᠪᠠᠨ ᠳᠣᠳᠣᠷᠬᠠᠢᠢᠯᠠᠬᠤ ᠬᠡᠷᠡᠭᠳᠡᠢ᠃     ᠠᠷᠪᠠᠨ ᠵᠢᠷᠭᠤᠳᠣᠭᠠᠷ ᠵᠦᠢᠯ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠨᠢ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠺᠣᠮᠫᠠᠨᠢ ᠶᠢᠨ ᠬᠠᠣᠯᠢ︾ ᠪᠠ ᠺᠣᠮᠫᠠᠨᠢ ᠶᠢᠨ ᠲᠦᠷᠢᠮ ᠳᠣᠭᠳᠠᠭᠠᠯ ᠶᠣᠰᠣᠭᠠᠷ ᠡᠷᠬᠡ ᠳᠣᠰᠢᠶᠠᠯ ᠢᠶᠠᠨ ᠭᠦᠢᠴᠡᠳᠭᠡᠬᠦ ᠬᠡᠷᠡᠭᠳᠡᠢ᠂ ᠶᠠᠮᠠᠷᠪᠠ ᠵᠣᠬᠢᠶᠠᠨ ᠪᠠᠶᠢᠭᠤᠯᠣᠯᠳᠠ ᠪᠠ ᠬᠤᠪᠢ ᠬᠦᠮᠦᠨ ᠴᠦᠮ ᠳᠠᠷᠣᠯᠳᠠ ᠦᠵᠡᠭᠦᠯᠬᠦ᠂ ᠬᠠᠷᠰᠢᠯᠠᠬᠤ ᠪᠣᠶᠣ ᠴᠣᠬᠢᠯᠳᠠ ᠦᠭᠴᠦ ᠦᠰᠢᠶ᠎ᠡ ᠠᠪᠴᠣ ᠪᠣᠯᠬᠤ ᠦᠭᠡᠢ᠃    ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠳᠣᠰᠢᠶᠠᠯ ᠤᠨ ᠬᠤᠭᠤᠴᠠᠭᠠᠨ ᠳᠤ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠬᠦᠳᠡᠯᠮᠦᠷᠢ ᠶᠢᠨ ᠬᠠᠣᠯᠢ︾᠎ ᠳᠤ ᠳᠣᠭᠳᠠᠭᠠᠭᠰᠠᠨ ᠪᠠᠶᠢᠳᠠᠯ ᠪᠣᠶᠣ ᠬᠦᠳᠡᠯᠮᠦᠷᠢ ᠶᠢᠨ ᠭᠡᠷ᠎ᠡ ᠳᠤ ᠳᠣᠭᠳᠠᠭᠰᠠᠨ ᠠᠴᠠ ᠭᠠᠳᠠᠨ᠎ᠠ᠂ ᠺᠣᠮᠫᠠᠨᠢ ᠠᠴᠠ ᠳᠡᠭᠦᠨ ᠯᠦᠭᠡ ᠶᠢᠨ ᠬᠦᠳᠡᠯᠮᠦᠷᠢ ᠶᠢᠨ ᠭᠡᠷ᠎ᠡ ᠪᠠᠨ ᠬᠦᠴᠦᠨ ᠦᠭᠡᠢ ᠪᠣᠯᠭᠠᠬᠤ ᠪᠣᠶᠣ ᠳᠡᠭᠦᠨ ᠤ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠠᠰᠢᠭ ᠦᠭᠡᠢ ᠠᠵᠢᠯ ᠤᠨ ᠪᠠᠶᠢᠷᠢ ᠶᠢᠨ ᠬᠤᠪᠢᠷᠠᠯᠳᠠ ᠭᠠᠷᠭᠠᠵᠣ ᠪᠣᠯᠬᠤ ᠦᠭᠡᠢ᠃     ᠠᠷᠪᠠᠨ ᠳᠣᠯᠣᠳᠣᠭᠠᠷ ᠵᠦᠢᠯ ᠳᠣᠰ ᠲᠦᠷᠢᠮ ᠤᠨ ᠳᠣᠭᠳᠠᠭᠠᠯ ᠠᠴᠠ ᠵᠦᠷᠢᠴᠡᠭᠰᠡᠨ ᠳᠣᠣᠷᠠᠬᠢ ᠨᠢᠭᠡ ᠵᠦᠢᠯ ᠤᠨ ᠠᠵᠢᠯᠯᠠᠭ᠎ᠠ ᠲᠠᠢ ᠪᠣᠯ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠬᠠᠣᠯᠢ ᠶᠣᠰᠣᠭᠠᠷ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠬᠤ ᠡᠷᠬᠡ ᠲᠠᠢ︔ ᠵᠠᠯᠠᠷᠠᠭᠤᠯᠬᠤ ᠶᠢ ᠳᠡᠪᠴᠢᠭᠰᠡᠨ ᠪᠠᠶᠢᠪᠠᠯ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠨᠢ ᠠᠳᠠᠯᠢ ᠱᠠᠳᠣᠨ ᠤ ᠠᠷᠠᠳ ᠤᠨ ᠵᠠᠰᠠᠭ ᠤᠨ ᠣᠷᠳᠣᠨ ᠤ ᠺᠣᠮᠫᠠᠨᠢ ᠶᠢ ᠳᠠᠩᠰᠠᠯᠠᠬᠤ ᠪᠠᠶᠢᠭᠤᠯᠣᠯᠭ᠎ᠠ᠂ ᠣᠯᠣᠰ ᠤᠨ ᠦᠮᠴᠢᠯᠡᠯ ᠤᠨ ᠡᠳ᠋ ᠬᠦᠷᠦᠩᠭᠡ ᠶᠢ ᠬᠢᠨᠠᠨ ᠬᠠᠮᠢᠶᠠᠷᠬᠤ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠲᠤ ᠳᠡᠪᠰᠢᠭᠦᠯᠵᠦ ᠬᠠᠣᠯᠢ ᠶᠣᠰᠣᠭᠠᠷ ᠰᠢᠢᠳᠪᠦᠷᠢᠯᠡᠭᠦᠯᠬᠦ ᠡᠷᠬᠡ ᠲᠠᠢ    ︵ᠨᠢᠭᠡ︶ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ ᠪᠠᠶᠢᠭᠤᠯᠬᠤ ᠶᠢ ᠳᠡᠪᠴᠢᠭᠰᠡᠨ ᠪᠠᠶᠢᠪᠠᠯ︔    ︵ᠬᠤᠶᠠᠷ︶ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠬᠠᠣᠯᠢ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠶᠢ ᠬᠠᠷᠰᠢᠯᠠᠭᠰᠠᠨ ᠪᠠᠶᠢᠪᠠᠯ︔    ︵ᠭᠤᠷᠪᠠ︶ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠳᠤ ᠪᠠᠳᠣᠯᠠᠭ᠎ᠠ ᠬᠠᠩᠭᠠᠬᠤ ᠶᠢ ᠳᠡᠪᠴᠢᠭᠰᠡᠨ ᠪᠠᠶᠢᠪᠠᠯ᠃     ᠠᠷᠪᠠᠨ ᠨᠠᠢᠮᠠᠳᠣᠭᠠᠷ ᠵᠦᠢᠯ ᠺᠣᠮᠫᠠᠨᠢ ᠶᠢᠨ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠨᠢ ᠠᠵᠢᠯᠳᠠᠨ ᠠᠵᠢᠯᠴᠢᠨ ᠤ ᠬᠡᠷᠡᠭ ᠮᠡᠳᠡᠭᠴᠢ᠂ ᠠᠵᠢᠯᠳᠠᠨ ᠠᠵᠢᠯᠴᠢᠨ ᠤ ᠬᠡᠷᠡᠭ ᠬᠢᠨᠠᠭᠴᠢ ᠶᠢᠨ ᠲᠦᠷᠢᠮ ᠢ ᠪᠠᠶᠢᠭᠤᠯᠬᠤ ᠪᠠ ᠠᠵᠢᠯ ᠤᠨ ᠳᠣᠮᠳᠠ ᠪᠠᠨ ᠳᠣᠰ ᠲᠦᠷᠢᠮ ᠤᠨ ᠳᠣᠭᠳᠠᠭᠠᠯ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠣᠯ᠂ ᠳᠡᠭᠡᠷ᠎ᠡ ᠱᠠᠳᠣᠨ ᠤ ᠬᠢᠨᠢ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠣᠯᠳᠠ ᠠᠴᠠ ᠵᠠᠷᠯᠢᠭᠳᠠᠨ ᠵᠠᠯᠠᠷᠠᠭᠤᠯᠬᠤ ᠬᠡᠷᠡᠭᠳᠡᠢ᠃     ᠠᠷᠪᠠ ᠶᠢᠰᠦᠳᠦᠭᠡᠷ ᠵᠦᠢᠯ ᠳᠣᠰ ᠲᠦᠷᠢᠮ ᠢ 2007 ᠣᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号