ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠷ᠎ᠡ ᠶᠢᠨ ᠵᠠᠭᠪᠣᠷ ᠵᠣᠷᠪᠣᠰ ᠲᠤ ᠬᠢᠨᠠᠯᠳᠠ ᠳᠠᠯᠪᠢᠬᠤ ᠲᠦᠷᠢᠮ
ᠨᠡᠶᠢᠲᠡᠯᠡᠭᠰᠡᠨ ᠴᠠᠭ᠄
2020-06-17
      ︵2006 ᠣᠨ ᠤ 7 ᠰᠠᠷ᠎ᠠ ᠶᠢᠨ 28᠎ ᠤ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠣᠭᠠᠷ ᠬᠤᠷᠠᠯ ᠠᠴᠠ ᠪᠠᠳᠣᠯᠠᠪᠠ︶        ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ                     ᠭᠤᠴᠢ ᠶᠢᠰᠦᠳᠦᠭᠡᠷ ᠳᠣᠭᠠᠳᠣ    2006 ᠣᠨ ᠤ 7 ᠰᠠᠷ᠎ᠠ ᠶᠢᠨ 28᠎ ᠤ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠭᠤᠷᠪᠠᠳᠣᠭᠠᠷ ᠬᠤᠷᠠᠯ ᠠᠴᠠ ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠭᠡᠷ᠎ᠡ ᠶᠢᠨ ᠵᠠᠭᠪᠣᠷ ᠵᠣᠷᠪᠣᠰ ᠲᠤ ᠬᠢᠨᠠᠯᠳᠠ ᠳᠠᠯᠪᠢᠬᠤ ᠲᠦᠷᠢᠮ︾᠎ ᠢ ᠪᠠᠳᠣᠯᠠᠪᠠ᠂ ᠣᠳᠣ ᠨᠡᠶᠢᠳᠡᠯᠡᠶ᠎ᠡ᠂ 2006 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠳᠦᠭᠡᠢ᠃                      2006 ᠣᠨ ᠤ 7 ᠰᠠᠷ᠎ᠠ ᠶᠢᠨ 28᠎ ᠤ ᠡᠳᠦᠷ    ᠨᠢᠭᠡᠳᠦᠭᠡᠷ ᠵᠦᠢᠯ ᠭᠡᠷ᠎ᠡ ᠶᠢᠨ ᠵᠠᠭᠪᠣᠷ ᠵᠣᠷᠪᠣᠰ ᠢ ᠵᠢᠷᠣᠮᠵᠢᠭᠤᠯᠵᠣ᠂ ᠵᠠᠬ᠎ᠠ ᠳᠡᠯᠭᠡᠭᠦᠷ ᠤᠨ ᠰᠣᠯᠢᠯᠴᠠᠭᠠᠨ ᠤ ᠡᠮᠬᠢ ᠵᠢᠷᠣᠮ ᠢ ᠬᠠᠮᠠᠭᠠᠯᠠᠵᠣ᠂ ᠨᠡᠶᠢᠭᠡᠮ ᠨᠡᠶᠢᠳᠡ ᠶᠢᠨ ᠠᠰᠢᠭ ᠳᠣᠰᠠ ᠪᠠ ᠭᠡᠷ᠎ᠡ ᠶᠢᠨ ᠳᠣᠬᠠᠢ ᠶᠢᠨ ᠬᠦᠮᠦᠨ ᠤ ᠬᠠᠣᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠭᠡᠷ᠎ᠡ ᠶᠢᠨ ᠬᠠᠣᠯᠢ︾ ᠪᠠ ᠣᠯᠣᠰ ᠤᠨ ᠬᠠᠮᠢᠶ᠎ᠠ ᠪᠦᠬᠦᠢ ᠬᠠᠣᠯᠢ ᠴᠠᠭᠠᠵᠠ᠂ ᠬᠠᠣᠯᠢ ᠳᠣᠭᠳᠠᠭᠠᠯ ᠢ ᠦᠨᠳᠦᠰᠦᠯᠡᠨ᠂ ᠦᠪᠡᠷᠳᠡᠭᠡᠨ ᠵᠠᠰᠠᠬᠤ ᠣᠷᠣᠨ ᠤ ᠪᠣᠳᠠᠳᠣ ᠪᠠᠶᠢᠳᠠᠯ ᠲᠠᠢ ᠪᠠᠨ ᠣᠶᠠᠯᠳᠣᠭᠤᠯᠣᠨ ᠳᠣᠰ ᠲᠦᠷᠢᠮ ᠢ ᠳᠣᠭᠳᠠᠭᠠᠪᠠ᠃    ᠬᠤᠶᠠᠳᠣᠭᠠᠷ ᠵᠦᠢᠯ ᠦᠪᠡᠷᠳᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠳᠣᠷ᠎ᠠ ᠵᠠᠭᠪᠣᠷ ᠵᠣᠷᠪᠣᠰ ᠢ ᠬᠡᠷᠡᠭᠯᠡᠨ ᠭᠡᠷ᠎ᠡ ᠳᠣᠭᠳᠠᠬᠤ ᠳᠤ ᠳᠣᠰ ᠲᠦᠷᠢᠮ ᠢ ᠬᠡᠷᠡᠭᠵᠢᠭᠦᠯᠬᠦ ᠬᠡᠷᠡᠭᠳᠡᠢ᠃    ᠭᠤᠷᠪᠠᠳᠣᠭᠠᠷ ᠵᠦᠢᠯ ᠳᠣᠰ ᠲᠦᠷᠢᠮ ᠳᠤ ᠬᠡᠯᠡᠵᠦ ᠪᠠᠶᠢᠭ᠎ᠠ ᠵᠠᠭᠪᠣᠷ ᠵᠣᠷᠪᠣᠰ ᠭᠡᠳᠡᠭ ᠨᠢ ᠬᠠᠩᠭᠠᠭᠴᠢ ᠳᠠᠯ᠎ᠠ ᠎ ᠠᠴᠠ ᠳᠠᠬᠢᠨ ᠳᠠᠪᠳᠠᠨ ᠬᠡᠷᠡᠭᠯᠡᠬᠦ ᠪᠠᠷ ᠣᠷᠢᠳᠴᠢᠯᠠᠨ ᠵᠢᠱᠢᠨ ᠳᠣᠭᠳᠠᠭᠠᠭᠰᠠᠨ ᠪᠦᠭᠡᠳ ᠭᠡᠷ᠎ᠡ ᠳᠣᠭᠳᠠᠬᠤ ᠦᠶ᠎ᠡ ᠳᠤ ᠨᠦᠭᠦᠭᠡ ᠡᠳᠡᠭᠡᠳ ᠲᠠᠢ ᠪᠠᠨ ᠵᠦᠪᠳᠡᠯᠴᠡᠨ ᠳᠣᠭᠳᠠᠭᠰᠠᠨ ᠦᠭᠡᠢ ᠵᠣᠷᠪᠣᠰ ᠢ ᠵᠢᠭᠠᠵᠣ ᠪᠠᠶᠢᠨ᠎ᠠ᠃    ᠬᠤᠳᠠᠯᠳᠣᠭᠠᠨ ᠤ ᠵᠠᠷ ᠮᠡᠳᠡᠭᠡ᠂ ᠮᠡᠳᠡᠭᠳᠡᠯ᠂ ᠢᠯᠡᠷᠬᠡᠶᠢᠯᠡᠯᠳᠡ᠂ ᠳᠡᠯᠭᠡᠭᠦᠷ ᠤᠨ ᠳᠠᠩᠬᠢᠮ ᠤᠨ ᠵᠠᠷ ᠮᠡᠳᠡᠭᠡ᠂ ᠪᠠᠷᠢᠮᠳᠠ ᠳᠡᠮᠳᠡᠭ ᠵᠡᠷᠭᠡ ᠶᠢᠨ ᠠᠭᠤᠯᠭ᠎ᠠ ᠨᠢ ᠪᠣᠯᠵᠣᠬᠤ ᠳᠣᠭᠳᠠᠭᠠᠯ ᠪᠠ ᠳᠡᠭᠡᠷᠡᠬᠢ ᠪᠠᠳᠠᠭ ᠤᠨ ᠳᠣᠭᠳᠠᠭᠠᠯ ᠳᠤ ᠨᠡᠶᠢᠴᠡᠭᠰᠡᠨ ᠪᠠᠶᠢᠪᠠᠯ ᠴᠦᠮ ᠵᠠᠭᠪᠣᠷ ᠵᠣᠷᠪᠣᠰ ᠢᠶᠠᠷ ᠦᠵᠡᠵᠦ ᠪᠣᠯᠣᠨ᠎ᠠ᠃    ᠲᠦᠷᠪᠡᠳᠦᠭᠡᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠵᠠᠭᠪᠣᠷ ᠵᠣᠷᠪᠣᠰ ᠢ ᠳᠣᠭᠳᠠᠭᠠᠬᠤ ᠪᠠ ᠬᠡᠷᠡᠭᠯᠡᠬᠦ ᠳᠤ ᠬᠢᠨᠠᠯᠳᠠ ᠳᠠᠯᠪᠢᠬᠤ ᠶᠢ ᠬᠠᠷᠢᠭᠤᠴᠠᠵᠣ᠂ ᠪᠣᠰᠣᠳ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠦᠪᠡᠷ ᠤᠨ ᠳᠣᠰᠢᠶᠠᠯ ᠬᠠᠷᠢᠭᠤᠴᠠᠯᠭ᠎ᠠ ᠶᠣᠰᠣᠭᠠᠷ ᠢᠶᠠᠨ ᠵᠠᠭᠪᠣᠷ ᠵᠣᠷᠪᠣᠰ ᠲᠤ ᠬᠢᠨᠠᠯᠳᠠ ᠳᠠᠯᠪᠢᠬᠤ ᠠᠵᠢᠯ ᠢ ᠰᠠᠶᠢᠳᠣᠷ ᠬᠢᠬᠦ ᠬᠡᠷᠡᠭᠳᠡᠢ᠃    ᠳᠠᠪᠣᠳᠣᠭᠠᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠠ ᠪᠣᠰᠣᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠡᠶᠢᠭᠡᠮ ᠳᠤ ᠭᠡᠷ᠎ᠡ ᠶᠢᠨ ᠵᠢᠯᠣᠭᠤᠳᠣᠯᠭ᠎ᠠ ᠶᠢᠨ ᠳᠠᠯ᠎ᠠ ᠪᠠᠷ ᠳᠣᠣᠷᠠᠬᠢ ᠮᠡᠳᠦ ᠶᠢᠨ ᠦᠢᠯᠡᠴᠢᠯᠡᠭᠡ ᠶᠢ ᠦᠨ᠎ᠡ ᠲᠦᠯᠦᠪᠦᠷᠢ ᠦᠭᠡᠢ ᠪᠠᠷ ᠬᠠᠩᠭᠠᠬᠤ ᠬᠡᠷᠡᠭᠳᠡᠢ᠄    ︵ᠨᠢᠭᠡ︶ ᠭᠡᠷ᠎ᠡ ᠶᠢᠨ ᠬᠠᠣᠯᠢ ᠴᠠᠭᠠᠵᠠ᠂ ᠬᠠᠣᠯᠢ ᠳᠣᠭᠳᠠᠭᠠᠯ ᠢ ᠣᠬᠠᠭᠤᠯᠵᠣ᠂ ᠬᠠᠮᠢᠶ᠎ᠠ ᠪᠦᠬᠦᠢ ᠬᠠᠣᠯᠢ ᠴᠠᠭᠠᠵᠠ ᠶᠢᠨ ᠮᠡᠳᠡᠯᠭᠡ ᠶᠢᠨ ᠦᠢᠯᠡᠴᠢᠯᠡᠭᠡ ᠬᠠᠩᠭᠠᠬᠤ ᠬᠡᠷᠡᠭᠳᠡᠢ︔    ︵ᠬᠤᠶᠠᠷ︶ ᠬᠠᠣᠯᠢ ᠶᠢᠨ ᠡᠷᠬᠡᠳᠡᠨ ᠪᠠ ᠪᠣᠰᠣᠳ ᠵᠣᠬᠢᠶᠠᠨ ᠪᠠᠶᠢᠭᠤᠯᠣᠯᠳᠠ ᠶᠢᠨ ᠭᠡᠷ᠎ᠡ ᠶᠢᠨ ᠬᠠᠮᠢᠶᠠᠷᠣᠯᠳᠠ ᠎ ᠶᠢᠨ ᠲᠦᠷᠢᠮ ᠢ ᠪᠠᠶᠢᠭᠤᠯᠵᠣ ᠳᠡᠭᠦᠯᠳᠡᠷᠵᠢᠭᠦᠯᠬᠦ ᠳᠤ ᠠᠰᠠᠭᠤᠨ ᠯᠠᠪᠯᠠᠭ᠎ᠠ ᠶᠢᠨ ᠦᠢᠯᠡᠴᠢᠯᠡᠭᠡ ᠬᠠᠩᠭᠠᠬᠤ ᠬᠡᠷᠡᠭᠳᠡᠢ︔    ︵ᠭᠤᠷᠪᠠ︶ ᠳᠣᠬᠠᠢ ᠶᠢᠨ ᠬᠦᠮᠦᠨ ᠳᠤ ᠠᠵᠣ ᠦᠢᠯᠡᠳᠪᠦᠷᠢ ᠬᠤᠳᠠᠯᠳᠣᠭᠠᠨ ᠤ ᠳᠠᠩᠰᠠ ᠡᠪᠬᠡᠮᠡᠯ᠂ ᠬᠠᠣᠯᠢ ᠎ ᠠᠴᠠ ᠵᠦᠷᠢᠴᠡᠭᠰᠡᠨ ᠠᠵᠢᠯᠯᠠᠭ᠎ᠠ ᠶᠢᠨ ᠳᠡᠮᠳᠡᠭᠯᠡᠯ ᠵᠡᠷᠭᠡ ᠢᠳᠡᠭᠡᠮᠵᠢ ᠶᠢᠨ ᠪᠠᠶᠢᠳᠠᠯ ᠢ ᠡᠷᠢᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠳᠡᠢ︔    ︵ᠲᠦᠷᠪᠡ︶ ᠭᠡᠷ᠎ᠡ ᠶᠢᠨ ᠦᠯᠢᠭᠡᠷ ᠳᠡᠪᠳᠡᠷ ᠪᠠ ᠳᠠᠩᠰᠠᠯᠠᠭᠤᠯᠣᠭᠰᠠᠨ ᠵᠠᠭᠪᠣᠷ ᠵᠣᠷᠪᠣᠰ ᠤᠨ ᠣᠭ ᠳᠡᠪᠳᠡᠷ ᠢ ᠡᠷᠢᠨ ᠯᠠᠪᠯᠠᠬᠤ ᠦᠢᠯᠡᠴᠢᠯᠡᠭᠡ ᠬᠠᠩᠭᠠᠬᠤ ᠬᠡᠷᠡᠭᠳᠡᠢ᠃    ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠠ ᠪᠣᠰᠣᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠨᠡᠶᠢᠭᠡᠮ ᠳᠤ ᠭᠡᠷ᠎ᠡ ᠎ ᠶᠢᠨ ᠵᠢᠯᠣᠭᠤᠳᠣᠯᠭ᠎ᠠ ᠶᠢᠨ ᠦᠢᠯᠡᠴᠢᠯᠡᠭᠡ ᠬᠠᠩᠭᠠᠬᠤ ᠪᠠ ᠬᠢᠨᠠᠯᠳᠠ ᠳᠠᠯᠪᠢᠬᠤ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠶ᠎ᠡ ᠳᠤ᠂ ᠣᠯᠣᠰ ᠤᠨ ᠨᠢᠭᠤᠴᠠ᠂ ᠬᠤᠳᠠᠯᠳᠣᠭᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠎ ᠶᠢ ᠵᠠᠳᠠᠷᠠᠭᠤᠯᠵᠣ ᠪᠣᠯᠬᠤ ᠦᠭᠡᠢ᠃    ᠵᠢᠷᠭᠤᠳᠣᠭᠠᠷ ᠵᠦᠢᠯ ᠬᠤᠰᠢᠭᠤ ᠰᠢᠶᠠᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠠᠵᠣ ᠠᠬᠤᠢᠢᠯᠠᠯ ᠤᠨ ᠭᠡᠷ᠎ᠡ ᠶᠢᠨ ᠢᠳᠡᠭᠡᠮᠵᠢ ᠶᠢᠨ ᠲᠦᠷᠢᠮ ᠤᠨ ᠪᠠᠶᠢᠭᠤᠯᠣᠯᠳᠠ ᠶᠢ ᠴᠢᠩᠭᠠᠳᠬᠠᠵᠣ᠂ ᠭᠡᠷ᠎ᠡ ᠶᠢᠨ ᠳᠣᠬᠠᠢ ᠶᠢᠨ ᠬᠦᠮᠦᠨ ᠢ ᠵᠢᠯᠣᠭᠤᠳᠣᠨ ᠡᠷᠬᠡ ᠳᠡᠭᠰᠢ ᠪᠠ ᠦᠨᠡᠨᠴᠢ ᠢᠳᠡᠭᠡᠮᠵᠢ ᠲᠠᠢ ᠪᠠᠶᠢᠬᠤ ᠵᠠᠷᠴᠢᠮ ᠢ ᠪᠠᠷᠢᠮᠳᠠᠯᠠᠭᠤᠯᠵᠣ᠂ ᠵᠠᠬ᠎ᠠ ᠳᠡᠯᠭᠡᠭᠦᠷ ᠤᠨ ᠰᠣᠯᠢᠯᠴᠠᠭᠠᠨ ᠤ ᠠᠮᠣᠷ ᠲᠦᠪᠰᠢᠨ ᠢ ᠪᠠᠳᠣᠯᠠᠬᠤ ᠬᠡᠷᠡᠭᠳᠡᠢ᠃    ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠨᠢ ᠠᠵᠣ ᠠᠬᠤᠢᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠴᠣᠭᠯᠠᠭᠤᠯᠣᠨ ᠡᠮᠬᠢᠳᠭᠡᠬᠦ ᠠᠵᠢᠯ ᠢ ᠴᠢᠩᠭᠠᠳᠬᠠᠵᠣ᠂ ᠠᠵᠣ ᠠᠬᠤᠢᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠢᠯᠡ ᠪᠠᠷ ᠡᠷᠢᠨ ᠯᠠᠪᠯᠠᠬᠤ ᠰᠢᠰᠲ᠋ᠧᠮ ᠢ ᠪᠦᠷᠢᠨᠰᠢᠭᠦᠯᠦᠨ ᠳᠡᠭᠦᠯᠳᠡᠷᠵᠢᠭᠦᠯᠵᠦ᠂ ᠳᠣᠭᠳᠠᠭᠰᠠᠨ ᠬᠤᠭᠤᠴᠠᠭ᠎ᠠ ᠲᠠᠢ ᠪᠠᠷ ᠠᠵᠣ ᠠᠬᠤᠢᠢᠯᠠᠯ ᠤᠨ ᠭᠡᠷ᠎ᠡ ᠪᠠᠨ ᠰᠠᠬᠢᠭᠰᠠᠨ᠂ ᠢᠳᠡᠭᠡᠯ ᠢ ᠡᠷᠬᠢᠮᠯᠡᠭᠰᠡᠨ ᠪᠠᠶᠢᠳᠠᠯ ᠢ ᠨᠡᠶᠢᠳᠡᠯᠡᠬᠦ ᠬᠡᠷᠡᠭᠳᠡᠢ᠃    ᠳᠣᠯᠣᠳᠣᠭᠠᠷ ᠵᠦᠢᠯ ᠬᠠᠩᠭᠠᠭᠴᠢ ᠳᠠᠯ᠎ᠠ ᠶᠢᠨ ᠬᠠᠮᠢᠶ᠎ᠠ ᠪᠦᠬᠦᠢ ᠭᠡᠷ᠎ᠡ ᠶᠢᠨ ᠦᠯᠢᠭᠡᠷ ᠳᠡᠪᠳᠡᠷ ᠢᠶᠠᠷ ᠵᠠᠭᠪᠣᠷ ᠵᠣᠷᠪᠣᠰ ᠳᠣᠭᠳᠠᠭᠠᠬᠤ ᠶᠢ ᠵᠣᠷᠢᠬᠵᠢᠭᠤᠯᠣᠨ᠎ᠠ᠃    ᠦᠪᠡᠷᠳᠡᠭᠡᠨ ᠵᠠᠰᠠᠬᠤ ᠣᠷᠣᠨ ᠤ ᠳᠣᠳᠣᠷᠠᠬᠢ ᠬᠠᠮᠢᠶ᠎ᠠ ᠪᠦᠬᠦᠢ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠪᠣᠶᠣ ᠠᠵᠢᠯ ᠲᠦᠷᠦᠯ ᠤᠨ ᠵᠣᠬᠢᠶᠠᠨ ᠪᠠᠶᠢᠭᠤᠯᠣᠯᠳᠠ ᠳᠣᠭᠳᠠᠭᠠᠭᠰᠠᠨ ᠭᠡᠷ᠎ᠡ ᠶᠢᠨ ᠦᠯᠢᠭᠡᠷ ᠳᠡᠪᠳᠡᠷ ᠢᠶᠠᠨ ᠡᠷᠬᠡᠪᠰᠢ ᠦᠪᠡᠷᠳᠡᠭᠡᠨ ᠵᠠᠰᠠᠬᠤ ᠣᠷᠣᠨ ᠤ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃    ᠨᠠᠢᠮᠠᠳᠣᠭᠠᠷ ᠵᠦᠢᠯ ᠬᠠᠩᠭᠠᠭᠴᠢ ᠳᠠᠯ᠎ᠠ ᠨᠢ ᠵᠠᠭᠪᠣᠷ ᠵᠣᠷᠪᠣᠰ ᠢ ᠳᠣᠭᠳᠠᠭᠠᠬᠤ ᠪᠠ ᠬᠡᠷᠡᠭᠯᠡᠬᠦ ᠳᠤ ᠭᠤᠣᠯᠴᠢ ᠪᠠ ᠦᠨᠡᠨᠴᠢ ᠢᠳᠡᠭᠡᠮᠵᠢ ᠲᠠᠢ ᠪᠠᠶᠢᠬᠤ ᠵᠠᠷᠴᠢᠮ ᠢ ᠪᠠᠷᠢᠮᠳᠠᠯᠠᠵᠣ᠂ ᠵᠠᠭᠪᠣᠷ ᠵᠣᠷᠪᠣᠰ ᠢ ᠠᠰᠢᠭᠯᠠᠵᠣ ᠨᠦᠭᠦᠭᠡ ᠡᠳᠡᠭᠡᠳ ᠤᠨ ᠢᠶᠠᠨ ᠳᠣᠬᠠᠢ ᠶᠢᠨ ᠬᠦᠮᠦᠨ᠂ ᠭᠤᠷᠪᠠᠳᠣᠭᠠᠷ ᠡᠳᠡᠭᠡᠳ ᠤᠨ ᠬᠠᠣᠯᠢ ᠶᠣᠰᠣᠨ ᠤ ᠡᠷᠬᠡ ᠠᠰᠢᠭ ᠪᠠ ᠨᠡᠶᠢᠭᠡᠮ ᠨᠡᠶᠢᠳᠡ ᠶᠢᠨ ᠠᠰᠢᠭ ᠳᠣᠰᠠ ᠶᠢ ᠬᠤᠬᠢᠷᠠᠭᠤᠯᠵᠣ ᠪᠣᠯᠬᠤ ᠦᠭᠡᠢ᠃    ᠵᠠᠭᠪᠣᠷ ᠵᠣᠷᠪᠣᠰ ᠲᠤ ᠬᠠᠩᠭᠠᠭᠴᠢ ᠳᠠᠯ᠎ᠠ ᠶᠢᠨ ᠳᠣᠰ ᠪᠡᠶ᠎ᠡ ᠶᠢᠨ ᠬᠠᠷᠢᠭᠤᠴᠠᠯᠭ᠎ᠠ ᠶᠢ ᠦᠭᠡᠶᠢᠰᠭᠡᠭᠰᠡᠨ ᠪᠣᠶᠣ ᠬᠢᠵᠠᠭᠠᠷᠯᠠᠭᠰᠠᠨ ᠠᠭᠤᠯᠭ᠎ᠠ ᠲᠠᠢ ᠪᠣᠯ ᠬᠠᠩᠭᠠᠭᠴᠢ ᠳᠠᠯ᠎ᠠ ᠨᠢ ᠭᠡᠷ᠎ᠡ ᠳᠣᠭᠳᠠᠬᠤ ᠠᠴᠠ ᠪᠠᠨ ᠡᠮᠦᠨ᠎ᠡ ᠳᠣᠳᠣᠷᠬᠠᠢ ᠣᠢᠢᠯᠠᠭᠠᠮᠵᠢ ᠲᠠᠢ ᠦᠭᠡ ᠬᠡᠯᠡ ᠪᠣᠶᠣ ᠦᠰᠦᠭ ᠪᠢᠴᠢᠭ ᠵᠡᠷᠭᠡ ᠵᠣᠬᠢᠰᠳᠠᠢ ᠬᠡᠯᠪᠡᠷᠢ ᠪᠠᠷ ᠨᠦᠭᠦᠭᠡ ᠡᠳᠡᠭᠡᠳ ᠲᠤ ᠎ ᠪᠠᠨ ᠠᠩᠬᠠᠷᠠᠭᠤᠯᠬᠤ ᠶᠢᠨ ᠬᠠᠮᠳᠣ ᠨᠦᠭᠦᠭᠡ ᠡᠳᠡᠭᠡᠳ ᠤᠨ ᠢᠶᠠᠨ ᠳᠣᠬᠠᠢ ᠶᠢᠨ ᠬᠦᠮᠦᠨ ᠤ ᠱᠠᠭᠠᠡᠳᠠᠯᠭ᠎ᠠ ᠶᠣᠰᠣᠭᠠᠷ ᠳᠣᠰ ᠵᠣᠷᠪᠣᠰ ᠲᠤ ᠳᠣᠳᠣᠷᠬᠠᠢᠢᠯᠠᠯᠳᠠ ᠬᠢᠬᠦ ᠬᠡᠷᠡᠭᠳᠡᠢ᠃    ᠶᠢᠰᠦᠳᠦᠭᠡᠷ ᠵᠦᠢᠯ ᠵᠠᠭᠪᠣᠷ ᠵᠣᠷᠪᠣᠰ ᠲᠤ ᠬᠠᠩᠭᠠᠭᠴᠢ ᠳᠠᠯ᠎ᠠ ᠶᠢᠨ ᠬᠠᠷᠢᠭᠤᠴᠠᠯᠭ᠎ᠠ ᠶᠢ ᠦᠭᠡᠶᠢᠰᠭᠡᠭᠰᠡᠨ ᠳᠣᠣᠷᠠᠬᠢ ᠠᠭᠤᠯᠭ᠎ᠠ ᠪᠠᠶᠢᠵᠣ ᠪᠣᠯᠬᠤ ᠦᠭᠡᠢ᠄    ︵ᠨᠢᠭᠡ︶ ᠨᠦᠭᠦᠭᠡ ᠡᠳᠡᠭᠡᠳ ᠤᠨ ᠢᠶᠠᠨ ᠪᠡᠶ᠎ᠡ ᠮᠠᠬᠠᠪᠣᠳ ᠲᠤ ᠬᠤᠬᠢᠷᠠᠯ ᠣᠴᠠᠷᠠᠭᠤᠯᠬᠤ ᠬᠠᠷᠢᠭᠤᠴᠠᠯᠭ᠎ᠠ︔    ︵ᠬᠤᠶᠠᠷ︶ ᠵᠣᠷᠢᠭᠤᠳᠠ ᠪᠣᠶᠣ ᠴᠢᠬᠤᠯᠠ ᠶᠡᠭᠡ ᠣᠰᠣᠯ ᠠᠯᠳᠠᠭ᠎ᠠ ᠭᠠᠷᠭᠠᠭᠰᠠᠨ ᠠᠴᠠ ᠪᠣᠯᠵᠣ ᠨᠦᠭᠦᠭᠡ ᠡᠳᠡᠭᠡᠳ ᠤᠨ ᠢᠶᠠᠨ ᠡᠳ᠋ ᠬᠦᠷᠦᠩᠭᠡ ᠶᠢ ᠬᠤᠬᠢᠷᠠᠭᠤᠯᠬᠤ ᠬᠠᠷᠢᠭᠤᠴᠠᠯᠭ᠎ᠠ︔    ︵ᠭᠤᠷᠪᠠ︶ ᠬᠠᠩᠭᠠᠭᠰᠠᠨ ᠪᠠᠷᠠᠭ᠎ᠠ ᠳᠠᠸᠠᠷ ᠪᠣᠶᠣ ᠦᠢᠯᠡᠴᠢᠯᠡᠭᠡ ᠳᠤ ᠬᠠᠣᠯᠢ ᠶᠣᠰᠣᠭᠠᠷ ᠡᠭᠦᠷᠭᠡᠯᠡᠬᠦ ᠶᠣᠰᠣ ᠎ ᠲᠠᠢ ᠭᠡᠮ ᠳᠣᠳᠠᠭᠳᠠᠯ ᠤᠨ ᠳᠠᠭᠠᠯᠳᠠ ᠶᠢᠨ ᠬᠠᠷᠢᠭᠤᠴᠠᠯᠭ᠎ᠠ︔    ︵ᠲᠦᠷᠪᠡ︶ ᠬᠡᠯᠡᠯᠴᠡᠭᠡᠷ ᠠᠴᠠ ᠵᠦᠷᠢᠴᠡᠭᠰᠡᠨ ᠬᠠᠣᠯᠢ ᠶᠣᠰᠣᠭᠠᠷ ᠡᠭᠦᠷᠭᠡᠯᠡᠬᠦ ᠶᠣᠰᠣᠳᠠᠢ ᠬᠠᠷᠢᠭᠤᠴᠠᠯᠭ᠎ᠠ ᠬᠢᠭᠡᠳ ᠪᠣᠰᠣᠳ ᠬᠠᠷᠢᠭᠤᠴᠠᠯᠭ᠎ᠠ᠃    ᠠᠷᠪᠠᠳᠣᠭᠠᠷ ᠵᠦᠢᠯ ᠵᠠᠭᠪᠣᠷ ᠵᠣᠷᠪᠣᠰ ᠲᠤ ᠨᠦᠭᠦᠭᠡ ᠡᠳᠡᠭᠡᠳ ᠤᠨ ᠢᠶᠠᠨ ᠳᠣᠬᠠᠢ ᠶᠢᠨ ᠬᠦᠮᠦᠨ ᠤ ᠬᠠᠷᠢᠭᠤᠴᠠᠯᠭ᠎ᠠ ᠶᠢ ᠨᠡᠮᠡᠬᠦ ᠳᠣᠣᠷᠠᠬᠢ ᠠᠭᠤᠯᠭ᠎ᠠ ᠲᠠᠢ ᠪᠠᠶᠢᠵᠣ ᠪᠣᠯᠬᠤ ᠦᠭᠡᠢ᠄    ︵ᠨᠢᠭᠡ︶ ᠬᠡᠯᠡᠯᠴᠡᠭᠡᠷ ᠠᠴᠠ ᠵᠦᠷᠢᠴᠡᠭᠰᠡᠨ ᠮᠦᠩᠭᠦ ᠪᠣᠶᠣ ᠬᠤᠬᠢᠷᠠᠯ ᠢ ᠲᠦᠯᠦᠪᠦᠷᠢᠯᠡᠬᠦ ᠮᠦᠩᠭᠦ ᠨᠢ ᠵᠣᠬᠢᠰ ᠎ ᠲᠠᠢ ᠳᠤᠭ᠎ᠠ ᠠᠴᠠ ᠳᠠᠪᠠᠭᠰᠠᠨ︔    ︵ᠬᠤᠶᠠᠷ︶ ᠬᠠᠩᠭᠠᠭᠴᠢ ᠳᠠᠯ᠎ᠠ ᠶᠢᠨ ᠡᠭᠦᠷᠭᠡᠯᠡᠬᠦ ᠶᠣᠰᠣᠳᠠᠢ ᠡᠵᠡᠩᠨᠡᠯᠳᠡ ᠶᠢᠨ ᠲᠦᠭᠰᠢᠭᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ︔    ︵ᠭᠤᠷᠪᠠ︶ ᠬᠠᠣᠯᠢ ᠴᠠᠭᠠᠵᠠ᠂ ᠬᠠᠣᠯᠢ ᠳᠣᠭᠳᠠᠭᠠᠯ ᠠᠴᠠ ᠵᠦᠷᠢᠴᠡᠨ ᠨᠦᠭᠦᠭᠡ ᠡᠳᠡᠭᠡᠳ ᠤᠨ ᠢᠶᠠᠨ ᠬᠠᠷᠢᠭᠤᠴᠠᠯᠭ᠎ᠠ ᠶᠢ ᠨᠡᠮᠡᠭᠳᠡᠭᠦᠯᠦᠭᠰᠡᠨ ᠪᠣᠰᠣᠳ ᠠᠭᠤᠯᠭ᠎ᠠ᠃    ᠠᠷᠪᠠᠨ ᠨᠢᠭᠡᠳᠦᠭᠡᠷ ᠵᠦᠢᠯ ᠵᠠᠭᠪᠣᠷ ᠵᠣᠷᠪᠣᠰ ᠲᠤ ᠨᠦᠭᠦᠭᠡ ᠡᠳᠡᠭᠡᠳ ᠤᠨ ᠢᠶᠠᠨ ᠳᠣᠬᠠᠢ ᠶᠢᠨ ᠬᠦᠮᠦᠨ ᠤ ᠭᠤᠣᠯ ᠡᠷᠬᠡ ᠶᠢ ᠬᠠᠰᠣᠬᠤ ᠳᠣᠣᠷᠠᠬᠢ ᠮᠡᠳᠦ ᠶᠢᠨ ᠠᠭᠤᠯᠭ᠎ᠠ ᠪᠠᠶᠢᠵᠣ ᠪᠣᠯᠬᠤ ᠦᠭᠡᠢ᠄    ︵ᠨᠢᠭᠡ︶ ᠬᠠᠣᠯᠢ ᠶᠣᠰᠣᠭᠠᠷ ᠭᠡᠷ᠎ᠡ ᠪᠠᠨ ᠬᠤᠪᠢᠷᠠᠭᠤᠯᠬᠤ ᠪᠣᠶᠣ ᠬᠦᠴᠦᠨ ᠦᠭᠡᠢ ᠪᠣᠯᠭᠠᠬᠤ ᠡᠷᠬᠡ︔    ︵ᠬᠤᠶᠠᠷ︶ ᠬᠡᠯᠡᠯᠴᠡᠭᠡᠷ ᠠᠴᠠ ᠵᠦᠷᠢᠴᠡᠭᠰᠡᠨ ᠮᠦᠩᠭᠦ ᠶᠢ ᠦᠭᠭᠦᠭᠦᠯᠬᠦ ᠪᠠᠷ ᠭᠤᠶᠣᠴᠢᠯᠠᠬᠤ ᠪᠣᠶᠣ ᠲᠦᠯᠦᠪᠦᠷᠢᠯᠡᠭᠦᠯᠬᠦ ᠪᠠᠷ ᠭᠤᠶᠣᠴᠢᠯᠠᠬᠤ ᠡᠷᠬᠡ︔    ︵ᠭᠤᠷᠪᠠ︶ ᠭᠡᠷ᠎ᠡ ᠶᠢ ᠳᠠᠶᠢᠯᠪᠣᠷᠢᠯᠠᠬᠤ ᠡᠷᠬᠡ︔    ︵ᠲᠦᠷᠪᠡ︶ ᠭᠡᠷ᠎ᠡ ᠶᠢᠨ ᠮᠠᠷᠭᠤᠯᠳᠣᠭᠠᠨ ᠢ ᠰᠢᠢᠳᠪᠦᠷᠢᠯᠡᠬᠦ ᠠᠷᠭ᠎ᠠ ᠵᠠᠮ ᠢ ᠰᠣᠩᠭᠤᠬᠤ ᠡᠷᠬᠡ︔    ︵ᠳᠠᠪᠤ︶ ᠬᠠᠣᠯᠢ ᠶᠣᠰᠣᠭᠠᠷ ᠬᠦᠷᠳᠡᠬᠦ ᠪᠣᠰᠣᠳ ᠡᠷᠬᠡ᠃    ᠠᠷᠪᠠᠨ ᠬᠤᠶᠠᠳᠣᠭᠠᠷ ᠵᠦᠢᠯ ᠳᠣᠣᠷᠠᠬᠢ ᠭᠡᠷ᠎ᠡ ᠳᠤ ᠵᠠᠭᠪᠣᠷ ᠵᠣᠷᠪᠣᠰ ᠢ ᠬᠡᠷᠡᠭᠯᠡᠭᠰᠡᠨ ᠪᠠᠶᠢᠪᠠᠯ᠂ ᠬᠠᠩᠭᠠᠭᠴᠢ ᠳᠠᠯ᠎ᠠ ᠠᠴᠠ ᠳᠣᠰ ᠵᠠᠭᠪᠣᠷ ᠵᠣᠷᠪᠣᠰ ᠢ ᠡᠬᠢᠯᠡᠨ ᠬᠡᠷᠡᠭᠯᠡᠭᠰᠡᠨ ᠠᠴᠠ 30 ᠡᠳᠦᠷ ᠤᠨ ᠳᠣᠳᠣᠷ᠎ᠠ ᠵᠠᠭᠪᠣᠷ ᠵᠣᠷᠪᠣᠰ ᠤᠨ ᠣᠭ ᠳᠡᠪᠳᠡᠷ ᠢᠶᠠᠨ ᠡᠵᠡᠩᠨᠡᠯᠳᠡ ᠶᠢᠨ ᠦᠨᠡᠮᠯᠡᠯ ᠢ ᠨᠢ ᠬᠢᠨᠠᠨ ᠣᠯᠭᠤᠭᠰᠠᠨ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠄    ︵ᠨᠢᠭᠡ︶ ᠭᠡᠷ ᠪᠠᠶᠢᠰᠢᠩ ᠬᠤᠳᠠᠯᠳᠣᠬᠤ᠂ ᠲᠦᠷᠢᠶᠡᠰᠦᠯᠡᠬᠦ᠂ ᠨᠣᠷᠠᠭᠠᠵᠣ ᠨᠡᠭᠦᠯᠭᠡᠬᠦ ᠪᠠ ᠳᠡᠳᠡᠭᠡᠷ ᠤᠨ ᠬᠤᠭᠤᠷᠣᠨᠳᠣᠬᠢ ᠨᠠᠶᠢᠳᠠᠯᠭ᠎ᠠ ᠶᠢᠨ ᠭᠡᠷ᠎ᠡ︔    ︵ᠬᠤᠶᠠᠷ︶ ᠠᠳᠠᠯ ᠠᠬᠤᠢ ᠶᠢᠨ ᠬᠠᠮᠢᠶᠠᠷᠣᠯᠳᠠ ᠶᠢᠨ ᠭᠡᠷ᠎ᠡ︔    ︵ᠭᠤᠷᠪᠠ︶ ᠣᠷᠣᠨ ᠰᠠᠭᠤᠴᠠ ᠶᠢ ᠵᠠᠰᠠᠨ ᠴᠢᠮᠡᠭᠯᠡᠬᠦ ᠭᠡᠷ᠎ᠡ︔    ︵ᠲᠦᠷᠪᠡ︶ ᠮᠠᠰᠢᠨ ᠳᠡᠷᠭᠡ ᠬᠤᠳᠠᠯᠳᠣᠬᠤ ᠭᠡᠷ᠎ᠡ︔    ︵ᠳᠠᠪᠤ︶ ᠵᠣᠭᠠᠴᠠᠯ ᠤᠨ ᠭᠡᠷ᠎ᠡ︔    ︵ᠵᠢᠷᠭᠤᠭ᠎ᠠ︶ ᠳᠡᠭᠡᠭᠡᠪᠦᠷᠢ ᠶᠢᠨ ᠭᠡᠷ᠎ᠡ︔    ︵ᠳᠣᠯᠤᠭ᠎ᠠ︶ ᠴᠠᠬᠢᠯᠭᠠᠨ᠂ ᠣᠰᠣ᠂ ᠢᠯᠴᠢ᠂ ᠭᠡᠢ ᠬᠠᠩᠭᠠᠬᠤ ᠭᠡᠷ᠎ᠡ︔    ︵ᠨᠠᠢᠮᠠ︶ ᠣᠳᠠᠰᠣᠳᠣ ᠲᠧᠯᠸᠢᠰ᠂ ᠰᠢᠣᠳᠠᠨ ᠤ ᠶᠠᠪᠣᠳᠠᠯ᠂ ᠴᠠᠬᠢᠯᠭᠠᠨ ᠴᠢᠮᠡᠭᠡ ᠬᠤᠯᠪᠣᠭᠠᠨ ᠤ ᠭᠡᠷ᠎ᠡ︔    ︵ᠶᠢᠰᠦ︶ ᠬᠤᠪᠢ ᠬᠦᠮᠦᠨ ᠤ ᠬᠡᠷᠡᠭᠯᠡᠭᠡᠨ ᠤ ᠵᠢᠭᠡᠯᠡᠯᠭᠡ ᠶᠢᠨ ᠭᠡᠷ᠎ᠡ︔    ︵ᠠᠷᠪᠠ︶ ᠪᠡᠶ᠎ᠡ ᠮᠠᠬᠠᠪᠣᠳ᠂ ᠡᠳ᠋ ᠬᠦᠷᠦᠩᠭᠡ ᠶᠢᠨ ᠳᠠᠭᠠᠳᠬᠠᠯ ᠤᠨ ᠭᠡᠷ᠎ᠡ︔    ︵ᠠᠷᠪᠠᠨ ᠨᠢᠭᠡ︶ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠳᠣᠭᠳᠠᠭᠠᠭᠰᠠᠨ ᠳᠠᠩᠰᠠᠯᠠᠬᠤ ᠶᠣᠰᠣᠳᠠᠢ ᠵᠠᠭᠪᠣᠷ ᠵᠣᠷᠪᠣᠰ ᠢ ᠠᠭᠤᠯᠣᠭᠰᠠᠨ ᠪᠣᠰᠣᠳ ᠭᠡᠷ᠎ᠡ᠃    ᠬᠠᠩᠭᠠᠭᠴᠢ ᠳᠠᠯ᠎ᠠ ᠶᠢᠨ ᠬᠡᠷᠡᠭᠯᠡᠵᠦ ᠪᠠᠶᠢᠭ᠎ᠠ ᠵᠠᠭᠪᠣᠷ ᠵᠣᠷᠪᠣᠰ ᠢ ᠳᠡᠭᠦᠨ ᠤ ᠳᠡᠭᠡᠷ᠎ᠡ ᠱᠠᠳᠣᠨ ᠤ ᠬᠢᠨᠢ ᠪᠠᠶᠢᠭᠤᠯᠣᠮᠵᠢ ᠪᠣᠶᠣ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠣᠯᠳᠠ ᠨᠢ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠳᠠᠩᠰᠠᠯᠠᠭᠤᠯᠣᠭᠰᠠᠨ ᠪᠠᠶᠢᠪᠠᠯ᠂ ᠳᠠᠬᠢᠵᠣ ᠳᠠᠩᠰᠠᠯᠠᠬᠤ ᠦᠭᠡᠢ ᠪᠠᠶᠢᠵᠣ ᠪᠣᠯᠣᠨ᠎ᠠ᠃    ᠨᠢᠭᠡᠨᠳᠡ ᠳᠠᠩᠰᠠᠯᠠᠭᠤᠯᠣᠭᠰᠠᠨ ᠵᠠᠭᠪᠣᠷ ᠵᠣᠷᠪᠣᠰ ᠤᠨ ᠠᠭᠤᠯᠭ᠎ᠠ ᠶᠢ ᠬᠤᠪᠢᠷᠠᠭᠤᠯᠬᠤ ᠭᠡᠪᠡᠯ᠂ ᠬᠠᠩᠭᠠᠭᠴᠢ ᠳᠠᠯ᠎ᠠ ᠠᠴᠠ ᠬᠤᠪᠢᠷᠠᠭᠤᠯᠣᠭᠰᠠᠨ ᠤ ᠳᠠᠷᠠᠭᠠᠬᠢ ᠵᠠᠭᠪᠣᠷ ᠵᠣᠷᠪᠣᠰ ᠤᠨ ᠣᠭ ᠳᠡᠪᠳᠡᠷ ᠢᠶᠠᠨ ᠳᠠᠬᠢᠨ ᠳᠠᠩᠰᠠᠯᠠᠭᠤᠯᠬᠤ ᠬᠡᠷᠡᠭᠳᠡᠢ᠃    ᠠᠷᠪᠠᠨ ᠭᠤᠷᠪᠠᠳᠣᠭᠠᠷ ᠵᠦᠢᠯ ᠭᠡᠷ᠎ᠡ ᠶᠢᠨ ᠳᠣᠬᠠᠢ ᠶᠢᠨ ᠬᠦᠮᠦᠨ ᠠᠴᠠ ᠵᠠᠭᠪᠣᠷ ᠵᠣᠷᠪᠣᠰ ᠨᠢ ᠳᠡᠳᠡᠨ ᠤ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠵᠣ ᠪᠠᠶᠢᠨ᠎ᠠ ᠭᠡᠵᠦ ᠦᠵᠡᠬᠦ ᠳᠤ ᠬᠦᠷᠪᠡᠯ᠂ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠭᠤᠮᠣᠳᠠᠯ ᠳᠣᠭᠠᠴᠢᠬᠤ ᠪᠣᠶᠣ ᠬᠡᠷᠡᠭᠯᠡᠭᠴᠢᠳ ᠤᠨ ᠨᠡᠶᠢᠭᠡᠮᠯᠢᠭ ᠲᠤ ᠵᠠᠭᠠᠯᠳᠣᠵᠣ ᠪᠣᠯᠣᠨ᠎ᠠ᠃    ᠠᠷᠪᠠᠨ ᠲᠦᠷᠪᠡᠳᠦᠭᠡᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠬᠠᠩᠭᠠᠭᠴᠢ ᠳᠠᠯ᠎ᠠ ᠶᠢᠨ ᠬᠡᠷᠡᠭᠯᠡᠭᠰᠡᠨ ᠵᠠᠭᠪᠣᠷ ᠵᠣᠷᠪᠣᠰ ᠨᠢ ᠬᠠᠣᠯᠢ ᠴᠠᠭᠠᠵᠠ᠂ ᠵᠠᠰᠠᠭ ᠵᠠᠬᠢᠷᠭᠠᠨ ᠤ ᠬᠠᠣᠯᠢ ᠳᠣᠭᠳᠠᠭᠠᠯ ᠪᠠ ᠳᠣᠰ ᠲᠦᠷᠢᠮ ᠤᠨ ᠶᠢᠰᠦᠳᠦᠭᠡᠷ ᠵᠦᠢᠯ᠂ ᠠᠷᠪᠠᠳᠣᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠳᠣᠭᠳᠠᠭᠠᠯ ᠠᠴᠠ ᠵᠦᠷᠢᠴᠡᠭᠰᠡᠨ ᠢ ᠣᠯᠵᠣ ᠮᠡᠳᠡᠪᠡᠯ᠂ ᠬᠠᠩᠭᠠᠭᠴᠢ ᠳᠠᠯ᠎ᠠ ᠳᠤ ᠪᠢᠴᠢᠭ ᠤᠨ ᠬᠡᠯᠪᠡᠷᠢ ᠪᠠᠷ ᠵᠠᠰᠠᠪᠣᠷᠢ ᠣᠷᠣᠭᠤᠯᠬᠤ ᠰᠠᠨᠠᠭᠤᠯᠭ᠎ᠠ ᠳᠣᠷᠠᠳᠬᠤ ᠬᠡᠷᠡᠭᠳᠡᠢ᠃    ᠠᠷᠪᠠᠨ ᠳᠠᠪᠣᠳᠣᠭᠠᠷ ᠵᠦᠢᠯ ᠬᠠᠩᠭᠠᠭᠴᠢ ᠳᠠᠯ᠎ᠠ ᠨᠢ ᠪᠢᠴᠢᠭ ᠤᠨ ᠬᠡᠯᠪᠡᠷᠢ ᠶᠢᠨ ᠵᠠᠰᠠᠪᠣᠷᠢ ᠣᠷᠣᠭᠤᠯᠬᠤ ᠰᠠᠨᠠᠭᠤᠯᠭ᠎ᠠ ᠳᠤ ᠣᠨᠳᠣᠣ ᠰᠠᠨᠠᠯ ᠲᠠᠢ ᠪᠣᠯ᠂ ᠪᠢᠴᠢᠭ ᠤᠨ ᠬᠡᠯᠪᠡᠷᠢ ᠶᠢᠨ ᠵᠠᠰᠠᠪᠣᠷᠢ ᠣᠷᠣᠭᠤᠯᠬᠤ ᠰᠠᠨᠠᠭᠤᠯᠭ᠎ᠠ ᠶᠢ ᠣᠯᠣᠭᠰᠠᠨ ᠡᠳᠦᠷ ᠠᠴᠠ 15 ᠡᠳᠦᠷ ᠤᠨ ᠳᠣᠳᠣᠷ᠎ᠠ ᠪᠢᠴᠢᠭ ᠤᠨ ᠬᠡᠯᠪᠡᠷᠢ ᠪᠠᠷ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠳᠣᠷᠠᠳᠬᠤ ᠬᠡᠷᠡᠭᠳᠡᠢ᠂ ᠭᠡᠷᠡᠴᠢ ᠰᠣᠨᠣᠰᠬᠤ ᠪᠠᠷ ᠱᠠᠭᠠᠷᠳᠠᠭᠰᠠᠨ ᠴᠦ ᠪᠣᠯᠣᠨ᠎ᠠ᠃    ᠬᠠᠩᠭᠠᠭᠴᠢ ᠳᠠᠯ᠎ᠠ ᠠᠴᠠ ᠪᠢᠴᠢᠭ ᠤᠨ ᠬᠡᠯᠪᠡᠷᠢ ᠶᠢᠨ ᠵᠠᠰᠠᠪᠣᠷᠢ ᠣᠷᠣᠭᠤᠯᠬᠤ ᠰᠠᠨᠠᠭᠤᠯᠭ᠎ᠠ ᠳᠤ ᠦᠭᠡᠷ᠎ᠡ ᠰᠠᠨᠠᠯ ᠳᠣᠷᠠᠳᠣᠭᠰᠠᠨ ᠦᠭᠡᠢ ᠪᠣᠯ᠂ ᠪᠢᠴᠢᠭ ᠤᠨ ᠬᠡᠯᠪᠡᠷᠢ ᠶᠢᠨ ᠵᠠᠰᠠᠪᠣᠷᠢ ᠣᠷᠣᠭᠤᠯᠬᠤ ᠰᠠᠨᠠᠭᠤᠯᠭ᠎ᠠ ᠶᠢ ᠣᠯᠣᠭᠰᠠᠨ ᠠᠴᠠ 15 ᠡᠳᠦᠷ ᠤᠨ ᠳᠣᠳᠣᠷ᠎ᠠ ᠵᠠᠰᠠᠪᠣᠷᠢ ᠣᠷᠣᠭᠤᠯᠬᠤ ᠶᠢᠨ ᠬᠠᠮᠳᠣ ᠵᠠᠰᠠᠪᠣᠷᠢ ᠣᠷᠣᠭᠤᠯᠣᠭᠰᠠᠨ ᠤ ᠳᠠᠷᠠᠭᠠᠬᠢ ᠵᠠᠭᠪᠣᠷ ᠵᠣᠷᠪᠣᠰ ᠤᠨ ᠣᠭ ᠳᠡᠪᠳᠡᠷ ᠢ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃    ᠠᠷᠪᠠᠨ ᠵᠢᠷᠭᠤᠳᠣᠭᠠᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠨᠢ ᠬᠠᠩᠭᠠᠭᠴᠢ ᠳᠠᠯ᠎ᠠ ᠶᠢᠨ ᠳᠣᠷᠠᠳᠣᠭᠰᠠᠨ ᠣᠨᠳᠣᠣ ᠰᠠᠨᠠᠯ ᠢ ᠣᠯᠣᠭᠰᠠᠨ ᠡᠳᠦᠷ ᠠᠴᠠ 15 ᠡᠳᠦᠷ ᠤᠨ ᠳᠣᠳᠣᠷ᠎ᠠ ᠪᠢᠴᠢᠭ ᠤᠨ ᠬᠡᠯᠪᠡᠷᠢ ᠪᠠᠷ ᠬᠠᠷᠢᠭᠤᠯᠳᠠ ᠦᠭᠬᠦ ᠬᠡᠷᠡᠭᠳᠡᠢ᠃    ᠬᠠᠩᠭᠠᠭᠴᠢ ᠳᠠᠯ᠎ᠠ ᠠᠴᠠ ᠭᠡᠷᠡᠴᠢ ᠰᠣᠨᠣᠰᠬᠤ ᠪᠠᠷ ᠱᠠᠭᠠᠷᠳᠠᠭᠰᠠᠨ ᠪᠠᠶᠢᠪᠠᠯ᠂ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠪᠢᠴᠢᠭ ᠤᠨ ᠬᠡᠯᠪᠡᠷᠢ ᠶᠢᠨ ᠭᠤᠶᠣᠴᠢᠯᠠᠯ ᠢ ᠣᠯᠣᠭᠰᠠᠨ ᠡᠳᠦᠷ ᠠᠴᠠ 20 ᠡᠳᠦᠷ ᠤᠨ ᠳᠣᠳᠣᠷ᠎ᠠ ᠭᠡᠷᠡᠴᠢ ᠰᠣᠨᠣᠰᠣᠭᠤᠯᠬᠤ ᠬᠤᠷᠠᠯ ᠢ ᠵᠣᠬᠢᠶᠠᠨ ᠪᠠᠶᠢᠭᠤᠯᠬᠤ ᠬᠡᠷᠡᠭᠳᠡᠢ᠃ ᠭᠡᠷᠡᠴᠢ ᠰᠣᠨᠣᠰᠬᠤ ᠬᠤᠷᠠᠯ ᠳᠤ ᠬᠡᠷᠡᠭᠯᠡᠭᠴᠢᠳ ᠤᠨ ᠨᠡᠶᠢᠭᠡᠮᠯᠢᠭ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ᠂ ᠠᠵᠢᠯ ᠲᠦᠷᠦᠯ ᠤᠨ ᠵᠣᠬᠢᠶᠠᠨ ᠪᠠᠶᠢᠭᠤᠯᠣᠯᠳᠠ ᠪᠠ ᠳᠣᠰᠬᠠᠢ ᠮᠡᠷᠭᠡᠵᠢᠯᠳᠡᠨ᠂ ᠡᠷᠳᠡᠮᠳᠡᠨ᠂ ᠬᠡᠷᠡᠭᠯᠡᠭᠴᠢ ᠶᠢᠨ ᠲᠦᠯᠦᠭᠡᠯᠡᠭᠴᠢ ᠶᠢ ᠣᠷᠢᠨ ᠣᠷᠣᠯᠴᠠᠭᠤᠯᠵᠣ ᠪᠣᠯᠣᠨ᠎ᠠ᠃    ᠠᠷᠪᠠ ᠳᠣᠯᠣᠳᠣᠭᠠᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠠ ᠪᠣᠰᠣᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠠᠯᠨ ᠬᠠᠮᠢᠶᠠᠷᠬᠤ ᠰᠠᠯᠠᠭ᠎ᠠ ᠮᠦᠴᠢᠷ ᠨᠢ ᠵᠠᠭᠪᠣᠷ ᠵᠣᠷᠪᠣᠰ ᠢ ᠬᠢᠨᠠᠨ ᠪᠠᠶᠢᠴᠠᠭᠠᠬᠤ ᠦᠶ᠎ᠡ ᠳᠤ᠂ ᠬᠠᠣᠯᠢ ᠶᠣᠰᠣᠭᠠᠷ ᠳᠣᠣᠷᠠᠬᠢ ᠠᠷᠭ᠎ᠠ ᠬᠡᠮᠵᠢᠶ᠎ᠡ ᠶᠢ ᠬᠡᠷᠡᠭᠯᠡᠵᠦ ᠪᠣᠯᠣᠨ᠎ᠠ᠄    ︵ᠨᠢᠭᠡ︶ ᠳᠣᠬᠠᠢ ᠶᠢᠨ ᠬᠦᠮᠦᠨ᠂ ᠠᠰᠢᠭ ᠬᠤᠣᠷ ᠤᠨ ᠬᠠᠷᠢᠴᠠᠭ᠎ᠠ ᠲᠠᠢ ᠬᠦᠮᠦᠨ ᠪᠠ ᠭᠡᠷᠡᠴᠢᠯᠡᠭᠴᠢ ᠠᠴᠠ ᠠᠰᠠᠭᠤᠬᠤ︔    ︵ᠬᠤᠶᠠᠷ︶ ᠬᠠᠮᠢᠶ᠎ᠠ ᠪᠦᠬᠦᠢ ᠭᠡᠷ᠎ᠡ᠂ ᠪᠠᠷᠢᠮᠳᠠ᠂ ᠳᠠᠩᠰᠠᠨ ᠳᠡᠪᠳᠡᠷ᠂ ᠪᠠᠷᠢᠮᠳᠠ ᠳᠡᠮᠳᠡᠭ᠂ ᠳᠣᠬᠠᠢᠢᠯᠠᠭᠰᠠᠨ ᠠᠵᠢᠯ ᠤᠨ ᠵᠠᠬᠢᠳᠠᠯ ᠪᠠ ᠪᠣᠰᠣᠳ ᠬᠠᠮᠢᠶ᠎ᠠ ᠪᠦᠬᠦᠢ ᠮᠠᠲ᠋ᠧᠷᠢᠶᠠᠯ ᠢ ᠡᠷᠢᠨ ᠦᠵᠡᠬᠦ ᠪᠠ ᠬᠠᠭᠤᠯᠪᠣᠷᠢ ᠪᠠᠭᠤᠯᠭᠠᠬᠤ︔    ︵ᠭᠤᠷᠪᠠ︶ ᠬᠠᠣᠯᠢ ᠠᠴᠠ ᠵᠦᠷᠢᠴᠡᠭᠰᠡᠨ ᠠᠵᠢᠯᠯᠠᠭ᠎ᠠ ᠲᠠᠢ ᠬᠠᠮᠢᠶ᠎ᠠ ᠲᠠᠢ ᠳᠠᠯᠠᠪᠣᠷ᠂ ᠡᠳ᠋ ᠪᠣᠳᠠᠰ ᠢ ᠪᠠᠶᠢᠴᠠᠭᠠᠬᠤ︔    ︵ᠲᠦᠷᠪᠡ︶ ᠬᠠᠣᠯᠢ ᠴᠠᠭᠠᠵᠠ᠂ ᠬᠠᠣᠯᠢ ᠳᠣᠭᠳᠠᠭᠠᠯ ᠳᠤ ᠳᠣᠭᠳᠠᠭᠠᠭᠰᠠᠨ ᠪᠣᠰᠣᠳ ᠠᠷᠭ᠎ᠠ ᠬᠡᠮᠵᠢᠶ᠎ᠡ᠃    ᠠᠷᠪᠠᠨ ᠨᠠᠢᠮᠠᠳᠣᠭᠠᠷ ᠵᠦᠢᠯ ᠳᠣᠰ ᠲᠦᠷᠢᠮ ᠤᠨ ᠶᠢᠰᠦᠳᠦᠭᠡᠷ ᠵᠦᠢᠯ᠂ ᠠᠷᠪᠠᠳᠣᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠳᠣᠭᠳᠠᠭᠠᠯ ᠠᠴᠠ ᠵᠦᠷᠢᠴᠡᠭᠰᠡᠨ ᠪᠠᠶᠢᠪᠠᠯ᠂ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠨᠢ ᠳᠣᠰ ᠵᠠᠭᠪᠣᠷ ᠵᠣᠷᠪᠣᠰ ᠤᠨ ᠡᠨᠡ ᠬᠦ ᠲᠦᠷᠢᠮ ᠠᠴᠠ ᠵᠦᠷᠢᠴᠡᠭᠰᠡᠨ ᠬᠠᠮᠢᠶ᠎ᠠ ᠪᠦᠬᠦᠢ ᠪᠠᠶᠢᠳᠠᠯ ᠢ ᠨᠡᠶᠢᠭᠡᠮ ᠳᠤ ᠨᠡᠶᠢᠳᠡᠯᠡᠬᠦ ᠶᠢᠨ ᠬᠠᠮᠳᠣ ᠠᠵᠣ ᠠᠬᠤᠢᠢᠯᠠᠯ ᠤᠨ ᠢᠳᠡᠭᠡᠮᠵᠢ ᠎ ᠶᠢᠨ ᠳᠠᠩᠰᠠ ᠡᠪᠬᠡᠮᠡᠯ ᠳᠤ ᠳᠡᠮᠳᠡᠭᠯᠡᠵᠦ ᠪᠣᠯᠣᠨ᠎ᠠ︔ ᠨᠦᠭᠦᠭᠡ ᠡᠳᠡᠭᠡᠳ ᠤᠨ ᠢᠶᠠᠨ ᠳᠣᠬᠠᠢ ᠶᠢᠨ ᠬᠦᠮᠦᠨ ᠳᠤ ᠬᠤᠬᠢᠷᠠᠯ ᠣᠴᠠᠷᠠᠭᠤᠯᠣᠭᠰᠠᠨ ᠪᠠᠶᠢᠪᠠᠯ᠂ ᠬᠠᠩᠭᠠᠭᠴᠢ ᠳᠠᠯ᠎ᠠ ᠠᠴᠠ ᠬᠠᠣᠯᠢ ᠶᠣᠰᠣᠭᠠᠷ ᠵᠣᠬᠢᠴᠠᠩᠭᠤᠢ ᠢᠷᠭᠡᠨ ᠤ ᠬᠡᠷᠡᠭ ᠤᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠳᠡᠢ᠃    ᠠᠷᠪᠠ ᠶᠢᠰᠦᠳᠦᠭᠡᠷ ᠵᠦᠢᠯ ᠳᠣᠰ ᠲᠦᠷᠢᠮ ᠤᠨ ᠠᠷᠪᠠᠨ ᠬᠤᠶᠠᠳᠣᠭᠠᠷ ᠵᠦᠢᠯ ᠤᠨ ᠳᠣᠭᠳᠠᠭᠠᠯ ᠠᠴᠠ ᠵᠦᠷᠢᠴᠡᠨ ᠳᠣᠭᠳᠠᠭᠰᠠᠨ ᠴᠠᠭ ᠬᠤᠭᠤᠴᠠᠭᠠᠨ ᠤ ᠳᠣᠳᠣᠷ᠎ᠠ ᠳᠠᠩᠰᠠᠯᠠᠭᠤᠯᠣᠭᠰᠠᠨ ᠦᠭᠡᠢ ᠪᠣᠯ᠂ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠰᠡᠷᠡᠮᠵᠢᠯᠡᠭᠦᠯᠬᠦ ᠶᠢᠨ ᠬᠠᠮᠳᠣ ᠵᠠᠷᠯᠢᠭᠳᠠᠵᠣ ᠪᠠᠶᠢᠭᠠᠳ ᠬᠤᠭᠤᠴᠠᠭ᠎ᠠ ᠬᠢᠵᠠᠭᠠᠷᠯᠠᠨ ᠳᠠᠩᠰᠠᠯᠠᠭᠤᠯᠬᠤ ᠬᠡᠷᠡᠭᠳᠡᠢ︔ ᠬᠤᠭᠤᠴᠠᠭ᠎ᠠ ᠨᠢ ᠬᠡᠳᠦᠷᠡᠭᠰᠡᠨ ᠪᠠᠶᠢᠳᠠᠯ᠎ᠠ ᠳᠠᠩᠰᠠᠯᠠᠭᠤᠯᠣᠭᠰᠠᠨ ᠦᠭᠡᠢ ᠪᠣᠯ᠂ ᠡᠨᠡ ᠬᠦ ᠵᠠᠭᠪᠣᠷ ᠵᠣᠷᠪᠣᠰ ᠤᠨ ᠳᠣᠰ ᠲᠦᠷᠢᠮ ᠠᠴᠠ ᠵᠦᠷᠢᠴᠡᠭᠰᠡᠨ ᠬᠠᠮᠢᠶ᠎ᠠ ᠪᠦᠬᠦᠢ ᠪᠠᠶᠢᠳᠠᠯ ᠢ ᠨᠡᠶᠢᠭᠡᠮ ᠳᠤ ᠨᠡᠶᠢᠳᠡᠯᠡᠵᠦ ᠪᠣᠯᠣᠨ᠎ᠠ᠃    ᠬᠤᠷᠢᠳᠣᠭᠠᠷ ᠵᠦᠢᠯ ᠳᠣᠰ ᠲᠦᠷᠢᠮ ᠤᠨ ᠠᠷᠪᠠᠨ ᠳᠠᠪᠣᠳᠣᠭᠠᠷ ᠵᠦᠢᠯ ᠤᠨ ᠳᠣᠭᠳᠠᠭᠠᠯ ᠠᠴᠠ ᠵᠦᠷᠢᠴᠡᠨ᠂ ᠬᠠᠩᠭᠠᠭᠴᠢ ᠳᠠᠯ᠎ᠠ ᠠᠴᠠ ᠦᠭᠡᠷ᠎ᠡ ᠰᠠᠨᠠᠯ ᠳᠣᠷᠠᠳᠣᠭᠰᠠᠨ ᠦᠭᠡᠢ ᠪᠦᠭᠡᠳ ᠵᠠᠰᠠᠪᠣᠷᠢ ᠣᠷᠣᠭᠤᠯᠣᠭᠰᠠᠨ ᠦᠭᠡᠢ ᠪᠠᠶᠢᠪᠠᠯ᠂ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠰᠡᠷᠡᠮᠵᠢᠯᠡᠭᠦᠯᠵᠦ᠂ ᠬᠤᠭᠤᠴᠠᠭ᠎ᠠ ᠬᠢᠵᠠᠭᠠᠷᠯᠠᠨ ᠵᠠᠷᠯᠢᠭᠳᠠᠨ ᠵᠠᠯᠠᠷᠠᠭᠤᠯᠣᠭᠤᠯᠣᠨ᠎ᠠ︔ ᠬᠤᠭᠤᠴᠠᠭ᠎ᠠ ᠨᠢ ᠬᠡᠳᠦᠷᠡᠭᠰᠡᠨ ᠪᠠᠶᠢᠳᠠᠯ᠎ᠠ ᠵᠠᠯᠠᠷᠠᠭᠤᠯᠣᠭᠰᠠᠨ ᠦᠭᠡᠢ ᠪᠠᠶᠢᠪᠠᠯ᠂ 1000 ᠲᠦᠭᠦᠷᠢᠭ ᠠᠴᠠ ᠳᠡᠭᠡᠭᠰᠢ 5000 ᠲᠦᠭᠦᠷᠢᠭ ᠠᠴᠠ ᠳᠣᠷᠣᠭᠰᠢ ᠵᠣᠭᠤᠰ ᠢᠶᠠᠷ ᠳᠣᠷᠭᠠᠵᠣ᠂ ᠳᠣᠰ ᠵᠠᠭᠪᠣᠷ ᠵᠣᠷᠪᠣᠰ ᠤᠨ ᠡᠨᠡ ᠬᠦ ᠲᠦᠷᠢᠮ ᠠᠴᠠ ᠵᠦᠷᠢᠴᠡᠭᠰᠡᠨ ᠬᠠᠮᠢᠶ᠎ᠠ ᠪᠦᠬᠦᠢ ᠪᠠᠶᠢᠳᠠᠯ ᠢ ᠨᠡᠶᠢᠭᠡᠮ ᠳᠤ ᠨᠡᠶᠢᠳᠡᠯᠡᠬᠦ ᠶᠢᠨ ᠬᠠᠮᠳᠣ ᠠᠵᠣ ᠠᠬᠤᠢᠢᠯᠠᠯ ᠤᠨ ᠢᠳᠡᠭᠡᠮᠵᠢ ᠶᠢᠨ ᠳᠠᠩᠰᠠ ᠡᠪᠬᠡᠮᠡᠯ ᠎ ᠳᠤ ᠳᠡᠮᠳᠡᠭᠯᠡᠵᠦ ᠪᠣᠯᠣᠨ᠎ᠠ᠃    ᠬᠤᠷᠢᠨ ᠨᠢᠭᠡᠳᠦᠭᠡᠷ ᠵᠦᠢᠯ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠪᠠ ᠪᠣᠰᠣᠳ ᠬᠠᠮᠢᠶ᠎ᠠ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠤᠨ ᠠᠵᠢᠯᠳᠠᠨ ᠳᠣᠣᠷᠠᠬᠢ ᠠᠵᠢᠯᠯᠠᠭ᠎ᠠ ᠲᠠᠢ ᠪᠣᠯ ᠬᠠᠮᠢᠶ᠎ᠠ ᠪᠦᠬᠦᠢ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠯᠭ᠎ᠠ ᠎ ᠲᠠᠢ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠦᠭᠭᠦᠨ᠎ᠡ︔ ᠶᠠᠯ᠎ᠠ ᠳᠤ ᠬᠦᠷᠦᠭᠰᠡᠨ ᠪᠠᠶᠢᠪᠠᠯ᠂ ᠬᠠᠣᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠬᠠᠣᠯᠢ ᠶᠣᠰᠣᠭᠠᠷ ᠳᠣᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠦᠭᠡᠢ ᠪᠣᠶᠣ ᠬᠢᠨᠠᠨ ᠬᠠᠮᠢᠶᠠᠷᠬᠤ ᠳᠤ ᠪᠠᠨ ᠣᠰᠣᠯ ᠠᠯᠳᠠᠭ᠎ᠠ ᠭᠠᠷᠭᠠᠭᠰᠠᠨ ᠠᠴᠠ ᠪᠣᠯᠵᠣ ᠳᠣᠬᠠᠢ ᠶᠢᠨ ᠬᠦᠮᠦᠨ ᠤ ᠬᠠᠣᠯᠢ ᠶᠣᠰᠣᠨ ᠤ ᠡᠷᠬᠡ ᠠᠰᠢᠭ ᠢ ᠬᠤᠬᠢᠷᠠᠭᠤᠯᠣᠭᠰᠠᠨ ᠪᠠᠶᠢᠪᠠᠯ︔    ︵ᠬᠤᠶᠠᠷ︶ ᠳᠣᠰ ᠲᠦᠷᠢᠮ ᠤᠨ ᠳᠣᠭᠳᠠᠭᠠᠯ ᠶᠣᠰᠣᠭᠠᠷ ᠠᠵᠣ ᠠᠬᠤᠢᠢᠯᠠᠯ ᠤᠨ ᠢᠳᠡᠭᠡᠮᠵᠢ ᠶᠢᠨ ᠮᠡᠳᠡᠭᠡ ᠵᠠᠩᠬᠢ ᠶᠢ ᠡᠷᠢᠨ ᠯᠠᠪᠯᠠᠬᠤ ᠦᠢᠯᠡᠴᠢᠯᠡᠭᠡ ᠬᠠᠩᠭᠠᠭᠰᠠᠨ ᠦᠭᠡᠢ ᠪᠠᠶᠢᠪᠠᠯ︔    ︵ᠭᠤᠷᠪᠠ︶ ᠣᠯᠣᠰ ᠤᠨ ᠨᠢᠭᠤᠴᠠ᠂ ᠠᠷᠠᠯᠵᠢᠶᠠᠨ ᠤ ᠨᠢᠭᠤᠴᠠ ᠪᠠ ᠬᠤᠪᠢ ᠬᠦᠮᠦᠨ ᠤ ᠨᠢᠭᠤᠴᠠ ᠶᠢ ᠵᠠᠳᠠᠷᠠᠭᠤᠯᠣᠭᠰᠠᠨ ᠪᠠᠶᠢᠪᠠᠯ︔    ︵ᠲᠦᠷᠪᠡ︶ ᠳᠣᠰᠢᠶᠠᠯ ᠤᠨ ᠲᠦᠭᠦᠮ ᠢᠶᠠᠨ ᠠᠰᠢᠭᠯᠠᠨ ᠡᠳ᠋ ᠪᠣᠳᠠᠰ ᠬᠢᠬᠠᠨ ᠠᠪᠣᠭᠰᠠᠨ ᠪᠣᠶᠣ ᠬᠦᠯᠢᠶᠡᠨ ᠠᠪᠣᠭᠰᠠᠨ ᠪᠠᠶᠢᠪᠠᠯ︔    ︵ᠳᠠᠪᠤ︶ ᠡᠷᠬᠡ ᠳᠣᠰᠢᠶᠠᠯ ᠢᠶᠠᠨ ᠳᠣᠷ᠎ᠠ ᠪᠠᠷ ᠬᠡᠷᠡᠭᠯᠡᠭᠰᠡᠨ᠂ ᠠᠯᠪᠠᠨ ᠳᠣᠰᠢᠶᠠᠯ ᠳᠤ ᠪᠠᠨ ᠣᠰᠣᠯᠳᠣᠭᠰᠠᠨ᠂ ᠬᠤᠪᠢ ᠶᠢᠨ ᠨᠠᠶᠢᠷ ᠢᠶᠠᠷ ᠬᠠᠣᠯᠢ ᠶᠣᠰᠣ ᠶᠢ ᠵᠦᠷᠢᠴᠡᠭᠰᠡᠨ ᠪᠣᠰᠣᠳ ᠠᠵᠢᠯᠯᠠᠭ᠎ᠠ ᠲᠠᠢ ᠪᠠᠶᠢᠪᠠᠯ᠃    ᠬᠤᠷᠢᠨ ᠬᠤᠶᠠᠳᠣᠭᠠᠷ ᠵᠦᠢᠯ ᠳᠣᠰ ᠲᠦᠷᠢᠮ ᠤᠨ ᠠᠷᠪᠠᠨ ᠬᠤᠶᠠᠳᠣᠭᠠᠷ ᠵᠦᠢᠯ ᠤᠨ ᠨᠢᠭᠡᠳᠦᠭᠡᠷ ᠪᠠᠳᠠᠭ ᠲᠤ ᠳᠣᠭᠳᠠᠭᠠᠭᠰᠠᠨ ᠳᠠᠩᠰᠠᠯᠠᠭᠤᠯᠬᠤ ᠶᠣᠰᠣ ᠲᠠᠢ ᠵᠠᠭᠪᠣᠷ ᠵᠣᠷᠪᠣᠰ ᠤᠨ ᠣᠭ ᠳᠡᠪᠳᠡᠷ ᠢ ᠳᠣᠰ ᠲᠦᠷᠢᠮ ᠢ ᠬᠡᠷᠡᠭᠵᠢᠭᠦᠯᠬᠦ ᠠᠴᠠ ᠡᠮᠦᠨ᠎ᠡ ᠬᠡᠷᠡᠭᠯᠡᠭᠰᠡᠨ ᠪᠠᠶᠢᠪᠠᠯ᠂ ᠬᠠᠩᠭᠠᠭᠴᠢ ᠳᠠᠯ᠎ᠠ ᠨᠢ ᠳᠣᠰ ᠲᠦᠷᠢᠮ ᠢ ᠬᠡᠷᠡᠭᠵᠢᠭᠦᠯᠦᠭᠰᠡᠨ ᠡᠳᠦᠷ ᠠᠴᠠ 90 ᠡᠳᠦᠷ ᠤᠨ ᠳᠣᠳᠣᠷ᠎ᠠ ᠳᠡᠭᠦᠨ ᠤ ᠡᠵᠡᠩᠨᠡᠯᠳᠡ ᠶᠢᠨ ᠦᠨᠡᠮᠯᠡᠯ ᠢ ᠨᠢ ᠬᠢᠨᠠᠨ ᠣᠯᠭᠤᠭᠰᠠᠨ ᠠᠵᠣ ᠦᠢᠯᠡᠳᠪᠦᠷᠢ ᠬᠤᠳᠠᠯᠳᠣᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠳᠡᠢ᠃    ᠬᠤᠷᠢᠨ ᠭᠤᠷᠪᠠᠳᠣᠭᠠᠷ ᠵᠦᠢᠯ ᠳᠣᠰ ᠲᠦᠷᠢᠮ ᠢ 2006 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号