ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠳᠠ ᠶᠢᠨ ᠠᠷᠭ᠎ᠠ
ᠨᠡᠶᠢᠲᠡᠯᠡᠭᠰᠡᠨ ᠴᠠᠭ᠄
2020-06-17
   ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ    ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠳᠠ ᠶᠢᠨ ᠠᠷᠭ᠎ᠠ︾᠎ ᠶᠢ 2009 ᠤᠨ ᠤ 1 ᠰᠠᠷ᠎ᠠ ᠶᠢᠨ 22᠎ ᠤᠨ ᠡᠳᠤᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠪᠠᠳᠤᠯᠠᠪᠠ᠂ ᠤᠳᠤ ᠤᠯᠠᠨ᠎ᠠ ᠨᠡᠶᠢᠳᠡᠯᠡᠵᠤ 2009 ᠤᠨ ᠤ 5 ᠰᠠᠷ᠎ᠠ ᠶᠢᠨ 1᠎ ᠤ ᠡᠳᠤᠷ ᠠᠴᠠ ᠡᠬᠢᠯᠡᠡ ᠬᠡᠷᠡᠭᠵᠢᠬᠦᠯᠦᠨ᠎ᠠ᠃              ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ                                2009 ᠤᠨ ᠤ 2 ᠰᠠᠷ᠎ᠠ ᠶᠢᠨ 10᠎ ᠤ ᠡᠳᠤᠷ     ᠨᠢᠬᠡᠳᠤᠬᠡᠷ ᠪᠦᠯᠦᠭ ᠶᠡᠷᠦᠩᠬᠡᠢ ᠲᠦᠷᠢᠮ     ᠨᠢᠬᠡᠳᠤᠬᠡᠷ ᠵᠥᠢᠯ ᠠᠮᠤ ᠪᠤᠳᠠᠭ᠎ᠠ ᠶᠢᠨ ᠬᠦᠢᠯᠬᠡᠬᠡ ᠶᠢᠨ ᠡᠮᠬᠢ ᠲᠢᠩᠯᠢᠮ ᠢ ᠲᠦᠷᠢᠮᠵᠢᠬᠦᠯᠦᠨ ᠠᠮᠤ ᠪᠤᠳᠠᠭ᠎ᠠ ᠦᠢᠯᠡᠳᠪᠤᠷᠢᠯᠡᠭᠴᠢᠳ᠂ ᠡᠵᠡᠩᠨᠡᠭᠴᠢᠳ ᠪᠠ ᠪᠤᠷᠤᠯᠠᠭᠤᠯᠤᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠳᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠦᠷᠢᠮ ᠢ ᠦᠨᠳᠤᠰᠤᠯᠡᠵᠤ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ ᠲᠤᠰ ᠠᠷᠭ᠎ᠠ ᠶᠢ ᠲᠤᠭᠳᠠᠭᠠᠪᠠ᠃       ᠬᠤᠶᠠᠳᠤᠭᠠᠷ ᠵᠥᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭ᠎ᠠ ᠶᠢᠨ ᠭᠠᠵᠠᠷ ᠤᠷᠤᠨ ᠤ ᠲᠤᠳᠤᠷ᠎ᠠ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭᠠᠯᠠᠬᠤ᠂ ᠵᠦᠬᠡᠬᠡᠪᠤᠷᠢᠯᠡᠬᠦ᠂ ᠡᠳ᠋ᠰᠢᠬᠦᠯᠬᠦ᠂ ᠬᠤᠪᠢᠷᠠᠭᠤᠯᠬᠤ᠂ ᠭᠠᠳᠠᠭᠠᠳᠤ ᠠᠴᠠ ᠤᠷᠤᠭᠤᠯᠤᠨ ᠭᠠᠳᠠᠭᠠᠳᠤ ᠳᠤ ᠭᠠᠷᠭᠠᠬᠤ ᠵᠡᠷᠬᠡ ᠡᠵᠡᠩᠨᠡᠯᠳᠡ ᠶᠢᠨ ᠠᠵᠢᠯᠯᠠᠭ᠎ᠠ ︵ᠲᠤᠤᠷ᠎ᠠ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠬᠡᠵᠤ ᠨᠢᠬᠡᠳᠤᠯᠳᠠᠢ ᠨᠡᠷᠡᠶᠢᠳᠤᠨ᠎ᠠ︶᠎ ᠶᠢ ᠡᠷᠬᠢᠯᠡᠵᠤ ᠪᠠᠶᠢᠭ᠎ᠠ ᠬᠦᠮᠦᠰ ᠲᠤᠰ ᠠᠷᠭ᠎ᠠ ᠶᠢ ᠵᠢᠷᠤᠮᠯᠠᠬᠤ ᠬᠡᠷᠡᠭᠳᠠᠢ᠃       ᠭᠤᠷᠪᠠᠳᠤᠭᠠᠷ ᠵᠥᠢᠯ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠳᠤ ᠰᠠᠶᠢᠨ ᠲᠤᠷ᠎ᠠ ᠠᠴᠠ ᠪᠠᠨ᠂ ᠡᠷᠬᠡ ᠲᠡᠭᠰᠢ᠂ ᠦᠨᠡᠨᠴᠢ ᠢᠳᠡᠬᠡᠯ ᠲᠠᠢ ᠪᠠᠶᠢᠬᠤ ᠵᠠᠷᠴᠢᠮ ᠢ ᠵᠢᠷᠦᠮᠯᠡᠵᠤ᠂ ᠦᠢᠯᠡᠳᠪᠤᠷᠢᠯᠡᠭᠴᠢᠳ᠂ ᠪᠤᠷᠤᠯᠠᠭᠤᠯᠤᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠬᠡᠢ᠂ ᠤᠯᠤᠰ ᠤᠷᠤᠨ ᠤ ᠠᠰᠢᠭ ᠲᠤᠰᠠ ᠪᠠ ᠨᠡᠶᠢᠬᠡᠮ ᠨᠡᠶᠢᠳᠡ ᠶᠢᠨ ᠠᠰᠢᠭ ᠲᠤᠰᠠ ᠶᠢ ᠬᠤᠬᠢᠷᠠᠭᠤᠯᠵᠤ ᠪᠤᠯᠬᠤ ᠦᠬᠡᠢ᠃       ᠲᠦᠷᠪᠡᠳᠤᠬᠡᠷ ᠵᠥᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤᠯᠤᠰ ᠤᠨ ᠬᠤᠷᠸ᠎ᠠ ᠲᠤᠬᠢᠷᠠᠭᠤᠯᠭ᠎ᠠ ᠡᠵᠡᠮᠰᠢᠯ ᠲᠤᠤᠷ᠎ᠠ ᠠᠮᠤ ᠪᠤᠳᠠᠭ᠎ᠠ ᠶᠢᠨ ᠠᠵᠢᠯ ᠢ ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠬᠠᠷᠢᠭᠤᠴᠠᠬᠤ ᠱᠠᠭᠠᠷᠳᠠᠯᠭ᠎ᠠ ᠶᠢ ᠦᠨᠳᠤᠰᠤᠯᠡᠨ ᠲᠤᠰ ᠵᠠᠰᠠᠭ ᠵᠠᠬᠢᠷᠭ᠎ᠠ ᠶᠢᠨ ᠭᠠᠵᠠᠷ ᠤᠷᠤᠨ ᠤ ᠲᠤᠳᠤᠷᠠᠬᠢ ᠠᠮᠤ ᠪᠤᠳᠠᠭ᠎ᠠ ᠶᠢᠨ ᠶᠡᠷᠦᠩᠬᠡᠢ ᠬᠡᠮᠵᠢᠶ᠎ᠠ ᠶᠢ ᠲᠠᠩᠴᠡᠬᠦᠯᠬᠦ ᠪᠠ ᠤᠷᠤᠨ ᠨᠤᠳᠤᠭ ᠤᠨ ᠨᠦᠬᠡᠴᠡᠯᠡᠬᠦ ᠠᠮᠤ ᠶᠢᠨ ᠬᠠᠮᠢᠶᠠᠷᠤᠯᠳᠠ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠳᠤᠨ ᠠᠴᠠ ᠲᠠᠬᠡᠭᠰᠢᠬᠢ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠲᠤᠰ ᠵᠠᠰᠠᠭ ᠵᠠᠬᠢᠷᠭ᠎ᠠ ᠶᠢᠨ ᠭᠠᠵᠠᠷ ᠤᠷᠤᠨ ᠤ ᠲᠤᠳᠤᠷᠠᠬᠢ ᠠᠮᠤ ᠪᠤᠳᠠᠭ᠎ᠠ ᠶᠢᠨ ᠬᠦᠢᠯᠬᠡᠬᠡ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠳᠠ ᠪᠠ ᠠᠵᠢᠯ ᠲᠦᠷᠥᠯ ᠤᠨ ᠵᠢᠯᠦᠭᠤᠳᠤᠯᠭ᠎ᠠ ᠶᠢ ᠬᠠᠷᠢᠭᠤᠴᠠᠨ᠎ᠠ᠃ ᠡᠳ᠋ ᠤᠨ ᠵᠠᠰᠠᠭ᠂ ᠦᠢᠯᠡᠳᠪᠤᠷᠢ ᠬᠤᠳᠠᠯᠳᠤᠭ᠎ᠠ᠂ ᠦᠨ᠎ᠠ ᠬᠠᠩᠰᠢ᠂ ᠶᠠᠰᠤ ᠴᠢᠨᠠᠷ ᠮᠡᠷᠬᠡᠵᠢᠯ ᠤᠨ ᠬᠢᠨᠠᠯᠳᠠ ᠲᠠᠯᠪᠢᠬᠤ᠂ ᠡᠷᠡᠬᠦᠯ ᠬᠠᠮᠠᠭᠠᠯᠠᠯ ᠵᠡᠷᠬᠡ ᠰᠠᠯᠠᠭ᠎ᠠ ᠮᠦᠴᠢᠷ ᠤᠨ ᠬᠢᠨ ᠦᠪᠡᠷ ᠦᠪᠡᠷ ᠤᠨ ᠡᠬᠦᠷᠬᠡ ᠬᠠᠷᠢᠭᠤᠴᠠᠯᠭ᠎ᠠ ᠶᠢᠨ ᠬᠦᠷᠢᠶ᠎ᠠ ᠬᠡᠪᠴᠢᠶᠡᠨ ᠲᠤᠳᠤᠷ᠎ᠠ ᠪᠠᠨ ᠠᠮᠤ ᠪᠤᠳᠠᠭ᠎ᠠ ᠶᠢᠨ ᠬᠦᠢᠯᠬᠡᠬᠡ ᠯᠦᠭᠡ ᠬᠠᠮᠢᠶ᠎ᠠ ᠲᠠᠢ ᠠᠵᠢᠯ ᠢ ᠬᠠᠷᠢᠭᠤᠴᠠᠨ᠎ᠠ᠃       ᠬᠤᠶᠠᠳᠤᠭᠠᠷ ᠪᠦᠯᠦᠭ ᠠᠮᠤ ᠪᠤᠳᠠᠭ᠎ᠠ ᠡᠵᠡᠩᠨᠡᠬᠦ      ᠲᠠᠪᠤᠳᠤᠭᠠᠷ ᠵᠥᠢᠯ ᠠᠮᠤ ᠪᠤᠳᠠᠭ᠎ᠠ ᠡᠵᠡᠩᠨᠡᠭᠴᠢᠳ ᠬᠡᠲᠡᠭ ᠨᠢ ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭᠠᠯᠠᠬᠤ᠂ ᠵᠦᠬᠡᠬᠡᠪᠤᠷᠢᠯᠡᠬᠦ᠂ ᠡᠳ᠋ᠰᠢᠬᠦᠯᠬᠦ᠂ ᠬᠤᠪᠢᠷᠠᠭᠤᠯᠬᠤ᠂ ᠭᠠᠳᠠᠭᠠᠳᠤ ᠠᠴᠠ ᠤᠷᠤᠭᠤᠯᠵᠤ ᠭᠠᠳᠠᠭᠠᠳᠤ ᠳᠤ ᠭᠠᠷᠭᠠᠬᠤ ᠵᠡᠷᠬᠡ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠬᠠᠤᠯᠢ ᠶᠢᠨ ᠡᠷᠬᠡᠳᠡᠳ᠂ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢ ᠵᠢᠭᠠᠵᠤ ᠪᠤᠢ᠃       ᠵᠢᠷᠭᠤᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠤ ᠪᠠᠶᠢᠭ᠎ᠠ ᠡᠵᠡᠩᠨᠡᠭᠴᠢᠳ ᠎ ᠨᠢ ᠬᠠᠤᠯᠢ ᠶᠤᠰᠤᠭᠠᠷ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠷᠡᠯ ᠤᠨ ᠦᠨᠡᠮᠯᠡᠯ ᠤᠯᠤᠭᠰᠠᠨ ᠪᠠᠶᠢᠬᠤ ᠬᠡᠷᠡᠭᠳᠠᠢ᠃       ᠲᠤᠯᠤᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠤ ᠪᠠᠶᠢᠭ᠎ᠠ ᠡᠵᠡᠩᠨᠡᠭᠴᠢᠳ ᠲᠤᠤᠷᠠᠬᠢ ᠨᠦᠬᠦᠴᠡᠯ ᠢ ᠪᠦᠷᠢᠯᠳᠤᠬᠦᠯᠬᠦ ᠬᠡᠷᠡᠭᠳᠠᠢ᠃ ︵ᠨᠢᠬᠡ︶ ᠬᠠᠤᠯᠢ ᠶᠢᠨ ᠡᠷᠬᠡᠳᠡᠨ ᠪᠠ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠳᠠᠩᠰᠠᠯᠠᠭᠤᠯᠤᠬᠰᠠᠠ ᠪᠡᠯᠡ ᠮᠥᠩᠬᠦ ᠨᠢ 50 ᠲᠦᠮᠡᠨ ᠲᠦᠬᠦᠷᠢᠭ ᠠᠴᠠ ᠲᠡᠬᠡᠭᠰᠢ᠂ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ ᠳᠠᠩᠳᠠᠯᠠᠭᠤᠯᠤᠬᠰᠠᠠ ᠪᠡᠯᠡ ᠮᠥᠩᠬᠦ ᠨᠢ 3 ᠲᠦᠮᠡᠡ ᠲᠦᠬᠦᠷᠢᠭ ᠠᠴᠠ ᠲᠡᠬᠡᠭᠰᠢ ᠪᠠᠶᠢᠬᠤ ᠬᠡᠷᠡᠭᠳᠠᠢ᠃ ︵ᠬᠤᠶᠠᠷ︶ ᠬᠠᠤᠯᠢ ᠶᠢᠨ ᠡᠷᠬᠡᠳᠡᠨ ᠪᠠ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠯ 20 ᠲᠦᠮᠡᠨ ᠺᠢᠯᠦᠭᠷᠠᠮ ᠠᠴᠠ ᠲᠠᠬᠡᠭᠰᠢ ᠤᠯᠤᠰ ᠤᠨ ᠠᠮᠤ ᠪᠤᠳᠠᠭ᠎ᠠ ᠨᠦᠬᠡᠴᠡᠯᠠᠨ ᠬᠠᠳᠠᠭᠠᠯᠠᠬᠤ ᠪᠠᠷᠢᠮᠵᠢᠶ᠎ᠠ ᠪᠠ ᠮᠡᠷᠬᠡᠵᠢᠯ ᠤᠨ ᠲᠦᠷᠢᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ ᠪᠦᠳᠦᠮᠵᠢᠳᠠᠢ ᠬᠦᠮᠦᠷᠬᠡ ᠶᠢᠨ ᠪᠠᠭᠳᠠᠭᠠᠮᠵᠢ ᠲᠠᠢ ᠪᠠᠶᠢᠬᠤ ᠪᠤᠶᠤ ᠲᠦᠷᠢᠶᠡᠰᠤᠯᠡᠨ ᠵᠢᠬᠡᠯᠡᠵᠤ᠂ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠪᠤᠯ 2 ᠲᠦᠮᠡᠨ ᠺᠢᠯᠦᠭᠷᠠᠮ ᠠᠴᠠ ᠲᠠᠬᠡᠭᠰᠢᠬᠢ ᠪᠦᠳᠦᠮᠵᠢᠳᠠᠢ ᠬᠦᠮᠦᠷᠬᠡ ᠶᠢᠨ ᠪᠠᠭᠳᠠᠭᠠᠮᠵᠢ ᠲᠠᠢ ᠪᠠᠶᠢᠬᠤ ᠪᠤᠶᠤ ᠡᠰᠡᠬᠦᠯ᠎ᠠ ᠲᠦᠷᠢᠶᠠᠰᠤᠯᠡᠨ ᠵᠢᠬᠡᠯᠡᠭᠰᠡᠨ ᠪᠠᠶᠢᠬᠤ ᠬᠡᠷᠡᠭᠳᠠᠢ᠃ ︵ᠭᠤᠷᠪᠠ︶ ᠫᠦᠨ᠋ᠲ ᠵᠢᠩᠯᠡᠬᠦᠷ᠂ ᠴᠢᠬᠢᠭ ᠤᠨ ᠬᠡᠮᠵᠢᠶ᠎ᠠ ᠶᠢ ᠬᠡᠮᠵᠢᠨ ᠲᠤᠭᠳᠠᠭᠠᠬᠤ ᠪᠠᠭᠠᠵᠢ᠂ ᠲᠡᠩᠨᠡᠬᠦᠷ᠂ ᠪᠠᠭᠳᠠᠴᠠ ᠶᠢᠨ ᠵᠢᠩ ᠵᠡᠷᠬᠡ ᠠᠮᠤ ᠪᠤᠳᠠᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠭᠠᠵᠢ ᠪᠠ ᠬᠡᠮᠵᠢᠯᠳᠡ ᠶᠢᠨ ᠪᠠᠭᠠᠵᠢ ᠲᠦᠬᠦᠬᠡᠷᠦᠮᠵᠢ ᠲᠠᠢ ᠪᠠᠶᠢᠬᠤ ᠬᠡᠷᠡᠭᠳᠠᠢ᠃ ︵ᠲᠦᠷᠪᠡ︶ ᠵᠤᠬᠢᠬᠤ ᠬᠢᠷᠢ ᠬᠡᠮ ᠲᠠᠢ ᠲᠤᠰᠬᠠᠢ ᠪᠤᠶᠤ ᠲᠤᠰᠢᠶᠠᠯ ᠬᠠᠪᠰᠤᠷᠭᠠᠭᠰᠠᠨ ᠠᠮᠤ ᠪᠤᠳᠠᠭ᠎ᠠ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠭᠴᠢ᠂ ᠬᠠᠮᠢᠶᠠᠷᠤᠭᠴᠢ ᠪᠠ ᠲᠤᠭ᠎ᠠ ᠪᠦᠷᠢᠳᠬᠡᠭᠴᠢ ᠲᠠᠢ ᠪᠠᠶᠢᠬᠤ ᠬᠡᠷᠡᠭᠳᠠᠢ᠃ ︵ᠲᠠᠪᠤ︶ ᠬᠠᠤᠯᠢ ᠴᠠᠭᠠᠵᠠ᠂ ᠬᠠᠤᠯᠢ ᠲᠦᠷᠢᠮ ᠳᠤ ᠲᠤᠭᠳᠠᠭᠠᠰᠠᠨ ᠪᠤᠰᠤᠳ ᠨᠦᠬᠦᠴᠡᠯ ᠢ ᠪᠦᠷᠢᠯᠳᠤᠬᠦᠯᠦᠭᠰᠡᠨ ᠪᠠᠶᠢᠬᠤ ᠬᠡᠷᠡᠭᠳᠠᠢ᠃       ᠨᠢᠢᠮᠠᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠭᠤᠶᠤᠴᠢᠯᠠᠬᠤ ᠡᠵᠡᠩᠨᠡᠭᠴᠢᠳ ᠦᠢᠯᠡᠳᠪᠤᠷᠢ ᠬᠤᠳᠠᠯᠳᠤᠭ᠎ᠠ ᠶᠢᠨ ᠲᠠᠩᠰᠠᠯᠠᠯᠳᠠ ᠬᠢᠵᠤ ᠦᠭᠬᠦᠭᠰᠡᠨ ᠰᠠᠯᠠᠭ᠎ᠠ ᠮᠦᠴᠢᠷ ᠤᠨ ᠠᠳᠠᠯᠢ ᠱᠠᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠤᠷᠠᠬᠢ ᠪᠢᠴᠢᠭ ᠮᠠᠲ᠋ᠧᠷᠶᠠᠯ ᠢ ᠲᠤᠰᠢᠶᠠᠬᠤ ᠬᠡᠷᠡᠭᠳᠠᠢ᠃ ︵ᠨᠢᠬᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠭᠤᠶᠤᠴᠢᠯᠠᠭᠰᠠᠨ ᠬᠦᠰᠦᠨᠦᠭ ᠃ ︵ᠬᠤᠶᠠᠷ︶ ᠬᠠᠤᠯᠢ ᠶᠢᠨ ᠡᠷᠬᠡᠳᠡᠨ ᠪᠤᠶᠤ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ ᠪᠠᠶ᠎ᠠ ᠶᠢᠨ ᠦᠨᠡᠮᠯᠡᠯ ᠤᠨ ᠲᠠᠷᠤᠮᠠᠯᠯᠠᠭᠰᠠᠨ ᠮᠠᠲ᠋ᠧᠷᠢᠶᠠᠯ᠃ ︵ᠭᠤᠷᠪᠠ︶ ᠡᠵᠡᠩᠨᠡᠯᠳᠡ ᠶᠢᠨ ᠪᠠᠳᠤᠯᠠᠪᠤᠷᠢ ᠪᠢᠴᠢᠭ ᠪᠤᠶᠤ ︽ᠠᠵᠤ ᠠᠬᠤᠢᠢᠯᠠᠯ ᠤᠨ ᠨᠠᠷ᠎ᠠ ᠶᠢ ᠤᠷᠢᠳᠴᠢᠯᠠᠨ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾᠎ ᠤᠨ ᠲᠠᠷᠤᠮᠠᠯᠯᠠᠭᠰᠠᠨ ᠮᠠᠲ᠋ᠧᠷᠢᠶᠠᠯ᠃ ︵ᠲᠦᠷᠪᠡ︶ ᠡᠳ᠋ ᠬᠦᠷᠦᠩᠬᠡ ᠶᠢᠨ ᠢᠳᠡᠬᠡᠯ ᠤᠨ ᠬᠡᠷᠡᠴᠢ ᠪᠤᠶᠤ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ ᠬᠠᠳᠠᠭᠠᠯᠠᠮᠵᠢ ᠶᠢᠨ ᠬᠡᠷᠡᠴᠢ᠃ ︵ᠲᠠᠪᠤ︶ ᠬᠦᠮᠦᠷᠬᠡᠯᠡᠨ ᠨᠦᠬᠡᠴᠡᠯᠡᠬᠦ ᠲᠦᠬᠦᠬᠡᠷᠦᠮᠵᠢ ᠶᠢᠨ ᠦᠮᠴᠢᠯᠡᠬᠦ ᠡᠷᠬᠡ ᠶᠢᠨ ᠬᠡᠷᠡᠴᠢ ᠪᠤᠶᠤ ᠲᠦᠷᠢᠶᠠᠰᠤᠯᠡᠭᠰᠡᠨ ᠬᠡᠷ᠎ᠠ᠃ ︵ᠵᠢᠷᠭᠤᠭ᠎ᠠ︶ ᠬᠠᠤᠯᠢ ᠳᠤ ᠲᠤᠭᠳᠠᠭᠰᠠᠨ ᠬᠡᠮᠵᠢᠯᠳᠡ ᠶᠢᠨ ᠬᠢᠨᠠᠨ ᠲᠤᠭᠳᠠᠭᠠᠬᠤ ᠪᠠᠶᠢᠭᠤᠯᠤᠮᠵᠢ ᠠᠴᠠ ᠬᠢᠵᠤ ᠦᠭᠬᠦᠭᠰᠡᠨ ᠰᠢᠯᠭᠠᠨ ᠪᠠᠶᠢᠴᠠᠭᠠᠵᠤ ᠪᠠᠭᠠᠵᠢ ᠪᠠ ᠬᠡᠮᠵᠢᠯᠳᠡ ᠶᠢᠨ ᠪᠠᠭᠠᠵᠢ ᠲᠦᠬᠦᠬᠡᠷᠦᠮᠵᠢ ᠶᠢᠨ ᠬᠢᠷᠢ ᠲᠡᠩᠴᠡᠭᠰᠠᠨ ᠢ ᠬᠡᠷᠡᠴᠢᠯᠡᠭᠰᠡᠨ ᠪᠢᠴᠢᠭ ᠮᠠᠲ᠋ᠧᠷᠢᠶᠠᠯ ᠃ ︵ᠲᠤᠯᠤᠭ᠎ᠠ︶ ᠠᠮᠤ ᠪᠤᠳᠠᠭ᠎ᠠ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠭᠴᠢ᠂ ᠬᠠᠮᠢᠶᠠᠷᠤᠭᠴᠢ ᠪᠠ ᠲᠤᠭ᠎ᠠ ᠪᠦᠷᠢᠳᠬᠡᠭᠴᠢ ᠶᠢᠨ ᠬᠢᠷᠢ ᠬᠡᠮ ᠢ ᠬᠡᠷᠡᠴᠢᠯᠡᠭᠰᠡᠨ ᠪᠢᠴᠢᠭ ᠮᠠᠲ᠋ᠧᠷᠢᠶᠠᠯ᠃ ︵ᠨᠢᠢᠮᠠ︶ ᠬᠠᠤᠯᠢ ᠴᠠᠭᠠᠵᠠ᠂ ᠬᠠᠤᠯᠢ ᠲᠦᠷᠢᠮ ᠳᠤ ᠲᠤᠭᠳᠠᠭᠠᠭᠰᠠᠨ ᠪᠤᠰᠤᠳ ᠪᠢᠴᠢᠭ ᠮᠠᠲ᠋ᠧᠷᠢᠶᠠᠯ᠃       ᠶᠢᠰᠦᠳᠦᠭᠡᠷ ᠵᠦᠢᠯ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠮᠤ ᠪᠤᠳᠠᠭ᠎ᠠ ᠬᠤᠳᠠᠯᠳᠤᠨ ᠠᠪᠬᠤ ᠶᠢ ᠦᠪᠡᠷ ᠳᠡᠭᠡᠨ ᠰᠢᠢᠳᠪᠦᠷᠢᠯᠡᠭᠦ ᠡᠷᠭᠡ ᠶᠢ ᠭᠤᠶᠤᠴᠢᠯᠠᠭᠰᠠᠨ ᠡᠳᠦᠷ ᠠᠴᠠ ᠪᠠᠨ ᠡᠬᠢᠯᠡᠨ 15 ᠠᠵᠢᠯ ᠤᠨ ᠡᠳᠦᠷ ᠲᠤ ᠵᠠᠰᠠᠭ ᠵᠠᠬᠢᠷᠭᠠᠨ ᠤ ᠵᠦᠪᠰᠢᠶᠠᠷᠡᠯ ᠤᠨ ᠰᠢᠢᠳᠪᠦᠷᠢ ᠭᠠᠷᠭᠠᠬᠤ ᠬᠡᠷᠡᠭᠲᠡᠢ᠃ ᠨᠦᠭᠦᠴᠡᠯ ᠳᠤ ᠨᠡᠶᠢᠴᠡᠭᠰᠠᠨ ᠳᠤᠨᠢ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠯᠡᠯ ᠤᠯᠭᠤᠵᠤ ᠢᠯᠡ ᠨᠡᠶᠢᠳᠡᠯᠡᠨ᠎ᠡ︔ ᠨᠦᠭᠦᠴᠡᠯ ᠳᠤ ᠨᠡᠶᠢᠴᠡᠬᠦ ᠦᠭᠡᠢ ᠪᠤᠯ ᠪᠢᠴᠢᠭ ᠢᠶᠠᠷ ᠰᠢᠯᠳᠠᠭᠠᠠ ᠢ ᠨᠢ ᠲᠤᠳᠤᠷᠬᠠᠢᠢᠯᠠᠨ᠎ᠠ᠃ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠮᠤ ᠪᠤᠳᠠᠭ᠎ᠠ ᠬᠤᠳᠠᠯᠳᠤᠨ ᠠᠪᠬᠤ ᠬᠢᠷᠢ ᠭᠡᠮ ᠳᠤ ᠪᠠᠶᠢᠴᠠᠭᠠᠯᠳᠠ ᠬᠢᠭᠦ ᠳᠡᠭᠡᠨ᠂ ᠭᠤᠶᠤᠴᠢᠯᠠᠭᠴᠢ ᠶᠢᠨ ᠡᠵᠡᠩᠨᠡᠯᠳᠠ ᠶᠢᠨ ᠲᠠᠯᠠᠪᠤᠷ᠂ ᠬᠦᠮᠦᠷᠭᠯᠡᠵᠦ ᠬᠠᠳᠠᠭᠠᠯᠠᠬᠤ ᠲᠤᠨᠤᠭ ᠲᠦᠭᠦᠭᠡᠷᠦᠮᠵᠢ᠂ ᠪᠠᠶᠢᠴᠠᠭᠠᠨ ᠰᠢᠯᠭᠠᠬᠤ ᠮᠠᠰᠢᠨ ᠲᠦᠭᠦᠭᠡᠷᠦᠮᠵᠢ ᠪᠠ ᠬᠡᠮᠵᠢᠯᠳᠠ ᠶᠢᠨ ᠪᠠᠭᠠᠵᠢ ᠬᠡᠷᠡᠭᠰᠡᠯ ᠵᠡᠷᠭᠡ ᠶᠢ ᠲᠤᠬᠠᠢ ᠶᠢᠨ ᠭᠠᠵᠠᠷ ᠲᠤ ᠨᠢ ᠬᠦᠷᠴᠤ ᠬᠠᠷᠭᠤᠭᠤᠯᠤᠨ ᠪᠠᠶᠢᠴᠠᠭᠠᠬᠤ ᠬᠡᠷᠡᠭᠲᠡᠢ᠃       ᠠᠷᠪᠠᠳᠤᠭᠠᠷ ᠵᠦᠢᠯ ᠰᠢᠨ᠎ᠠ ᠪᠠᠷ ᠲᠤᠭᠳᠠᠭᠠᠭᠰᠠᠨ ᠬᠠᠤᠯᠢ ᠶᠢᠨ ᠡᠷᠭᠡᠲᠡᠡ᠂ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠤᠶᠤ ᠬᠤᠪᠢ ᠶᠢᠨ ᠦᠢᠯᠡᠳᠪᠥᠷᠢ ᠬᠤᠳᠠᠯᠳᠤᠭᠠᠠ ᠤ ᠡᠷᠦᠭᠡ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠡᠯᠡᠯ ᠤᠯᠤᠭᠰᠠᠨ ᠤ ᠳᠠᠷᠠᠭ᠎ᠠ᠂ ᠬᠠᠤᠯᠢ ᠶᠤᠰᠤᠭᠠᠷ ᠠᠳᠠᠯᠢ ᠱᠠᠳᠤᠨ ᠤ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠦᠷᠴᠤ ᠳᠠᠩᠰᠠᠯᠠᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠬᠡᠪᠴᠢᠶᠡᠡ ᠳᠤᠳᠤᠷ᠎ᠠ ᠪᠠᠨ ᠠᠮᠤ ᠪᠤᠳᠠᠭ᠎ᠠ ᠬᠤᠳᠠᠯᠳᠤᠨ ᠠᠪᠬᠤ ᠶᠢ ᠲᠤᠳᠤᠷᠬᠠᠢᠢᠯᠠᠵᠤ ᠦᠭᠭᠦ ᠬᠡᠷᠡᠭᠲᠡᠢ᠃ ᠨᠢᠭᠡᠨᠳᠠ ᠲᠤᠭᠳᠠᠭᠠᠭᠰᠠᠨ ᠬᠠᠤᠯᠢ ᠶᠢᠨ ᠡᠷᠭᠡᠲᠡᠡ᠂ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠬᠤᠪᠢ ᠶᠢᠨ ᠦᠢᠯᠡᠳᠪᠥᠷᠢ ᠬᠤᠳᠠᠯᠳᠤᠭᠠᠠ ᠤ ᠡᠷᠦᠭᠡ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠯᠡᠯ ᠤᠯᠤᠭᠰᠠᠨ ᠤ ᠳᠠᠷᠠᠭ᠎ᠠ ᠬᠠᠤᠯᠢ ᠶᠤᠰᠤᠭᠠᠷ ᠠᠳᠠᠯᠢ ᠱᠠᠳᠤᠨ ᠤ ᠦᠢᠯᠡᠳᠪᠦᠷᠢ ᠬᠤᠳᠠᠯᠳᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠡᠵᠡᠩᠨᠡᠯᠳᠠ ᠶᠢᠨ ᠬᠦᠷᠢᠶ᠎ᠠ ᠬᠡᠪᠴᠢᠶ᠎ᠠ ᠶᠢᠨ ᠬᠤᠪᠢᠷᠠᠯᠳᠠ ᠪᠠᠨ ᠳᠠᠩᠰᠠᠯᠠᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠬᠡᠪᠴᠢᠶᠡᠡ ᠳᠤᠳᠤᠷ᠎ᠠ ᠪᠠᠨ ᠠᠮᠤ ᠪᠤᠳᠠᠭ᠎ᠠ ᠬᠤᠳᠠᠯᠳᠤᠨ ᠠᠪᠬᠤ ᠶᠢ ᠲᠤᠳᠤᠷᠬᠠᠢᠢᠯᠠᠵᠤ ᠦᠭᠭᠦ ᠬᠡᠷᠡᠭᠲᠡᠢ᠃       ᠠᠷᠪᠠᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠡᠯᠡᠯ ᠤᠨ ᠬᠦᠴᠦᠨ ᠪᠦᠬᠦᠢ ᠬᠤᠭᠤᠴᠠᠭ᠎ᠠ ᠨᠢ 4 ᠵᠢᠯ ᠪᠤᠯᠤᠨ᠎ᠠ᠃ ᠬᠦᠴᠦᠨ ᠪᠦᠬᠦᠢ ᠬᠤᠭᠤᠴᠠᠭᠠᠨ ᠳᠤ ᠵᠦᠪᠰᠢᠶᠠᠷᠡᠯ ᠤᠯᠤᠭᠰᠠᠨ ᠬᠦᠮᠦᠨ ᠵᠦᠪᠰᠢᠶᠡᠷᠡᠭᠦᠯᠦᠭᠰᠡᠨ ᠵᠦᠢᠯ ᠢᠶᠠᠨ ᠬᠤᠪᠢᠷᠠᠭᠤᠯᠬᠤ ᠴᠢᠬᠤᠯᠠ ᠲᠠᠢ ᠪᠤᠯ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠰᠠᠠ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠂ ᠨᠦᠭᠦᠴᠡᠯ ᠳᠤ ᠨᠡᠶᠢᠴᠡᠪᠠᠯ᠂ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠭᠠᠷ ᠬᠦᠢᠴᠡᠳᠭᠡᠯ ᠬᠢᠵᠤ ᠦᠭᠭᠦ ᠬᠡᠷᠡᠭᠲᠡᠢ᠃ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠡᠯᠡᠯ ᠤᠨ ᠬᠤᠭᠤᠴᠠᠭ᠎ᠠ ᠨᠢ ᠳᠤᠯᠤᠬᠰᠠᠠ ᠤ ᠳᠠᠷᠠᠭ᠎ᠠ᠂ ᠦᠷᠭᠦᠯᠵᠢᠯᠡᠨ ᠠᠮᠤ ᠪᠤᠳᠠᠭ᠎ᠠ ᠬᠤᠳᠠᠯᠳᠤᠨ ᠠᠪᠬᠤ ᠡᠵᠡᠩᠨᠡᠯᠳᠠ ᠬᠢᠭᠦ ᠰᠠᠨᠠᠭ᠎ᠠ ᠲᠠᠢ ᠪᠤᠯ᠂ ᠭᠦᠴᠦᠨ ᠪᠦᠬᠦᠢ ᠬᠤᠭᠤᠴᠠᠭ᠎ᠠ ᠨᠢ ᠲᠤᠯᠬᠤ ᠠᠴᠠ 30 ᠡᠳᠦᠷ ᠤᠨ ᠡᠮᠦᠨ᠎ᠠ ᠵᠦᠪᠰᠢᠶᠡᠷᠡᠯ ᠤᠨ ᠦᠨᠡᠮᠡᠯᠡᠯ ᠤᠯᠭᠤᠭᠰᠠᠨ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠎ᠠ᠃ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠤᠶᠤᠴᠢᠯᠠᠯ ᠢ ᠦᠨᠳᠦᠰᠦᠯᠡᠨ᠂ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠳᠤᠯᠬᠤ ᠠᠴᠠ ᠡᠮᠦᠨ᠎ᠠ ᠦᠷᠭᠦᠯᠵᠢᠯᠡᠨ ᠡᠵᠡᠩᠨᠡᠯᠳᠠ ᠬᠢᠭᠦ ᠶᠢ ᠵᠦᠪᠰᠢᠶᠡᠷᠡᠭᠦ ᠡᠰᠡᠭᠦ ᠪᠠᠨ ᠲᠤᠭᠳᠠᠭᠠᠬᠤ ᠬᠡᠷᠡᠭᠲᠡᠢ᠂ ᠬᠡᠷᠪᠡ ᠬᠤᠭᠤᠴᠠᠭ᠎ᠠ ᠳᠤᠯᠬᠤ ᠠᠴᠠ ᠡᠮᠦᠨ᠎ᠠ ᠲᠤᠭᠳᠠᠭᠠᠵᠤ ᠳᠡᠶᠢᠯᠭᠦ ᠦᠭᠡᠢ ᠪᠤᠯ᠂ ᠦᠷᠭᠦᠯᠵᠢᠯᠡᠨ ᠡᠵᠡᠩᠨᠡᠭᠦ ᠶᠢ ᠵᠦᠪᠰᠢᠶᠡᠷᠡᠭᠰᠡᠨ ᠢᠶᠠᠷ ᠪᠤᠳᠤᠨ᠎ᠠ᠃       ᠠᠷᠪᠠᠨ ᠬᠤᠶᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠡᠯᠡᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠯᠤᠰ ᠤᠨ ᠲᠤᠭᠳᠠᠭᠠᠬᠰᠠᠠ ᠬᠡᠯᠪᠡᠷᠢ ᠮᠠᠶ᠋ᠢᠭ ᠢᠶᠠᠷ ᠨᠢᠭᠡᠳᠦᠯᠳᠠᠢ ᠳᠠᠷᠤᠮᠠᠯᠯᠠᠨ᠎ᠠ᠃ ᠶᠠᠮᠠᠷᠪᠠ ᠪᠠᠶᠢᠭᠤᠯᠤᠯᠭ᠎ᠠ ᠪᠠ ᠬᠤᠪᠢ ᠬᠦᠮᠦᠨ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠦᠢᠯᠡᠳᠴᠤ᠂ ᠪᠡᠯᠡᠯᠡᠵᠤ ᠦᠭᠡᠷᠡᠴᠢᠯᠡᠵᠤ᠂ ᠠᠷᠠᠯᠵᠢᠶᠠᠯᠠᠵᠤ ᠬᠤᠳᠠᠯᠳᠤᠵᠤ᠂ ᠦᠨ᠎ᠠ ᠲᠦᠯᠦᠪᠦᠷᠢ ᠲᠠᠢ ᠪᠠᠷ ᠰᠢᠯᠵᠢᠭᠦᠯᠵᠤ᠂ ᠵᠢᠭᠡᠯᠡᠭᠦᠯᠵᠤ᠂ ᠳᠦᠷᠢᠶᠡᠰᠦᠯᠡᠭᠦᠯᠵᠤ ᠪᠤᠯᠬᠤ ᠦᠭᠡᠢ ᠃       ᠠᠷᠪᠠᠨ ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠬᠢᠵᠤ ᠪᠠᠶᠢᠬᠤ ᠡᠵᠡᠩᠨᠡᠭᠴᠢ ᠲᠤᠤᠷᠠᠬᠢ ᠲᠦᠷᠢᠮ ᠲᠤᠬᠳᠠᠭᠠᠯ ᠢ ᠵᠢᠷᠤᠮᠯᠠᠬᠤ ᠬᠡᠷᠡᠭᠳᠡᠢ᠄ ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠎ ᠲᠠᠭᠠᠨ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠪᠤᠯᠤᠨ ᠡᠵᠡᠩᠨᠡᠯᠳᠠ ᠶᠢᠨ ᠦᠨᠡᠮᠯᠡᠯ ᠢᠶᠠᠨ ᠢᠯᠡ ᠲᠠᠯᠪᠢᠬᠤ ᠬᠡᠷᠡᠭᠳᠡᠢ᠃ ︵ᠬᠤᠶᠡᠷ︶ ᠠᠮᠤ ᠪᠤᠳᠠᠭ᠎ᠠ ᠬᠤᠳᠠᠯᠳᠤᠬᠴᠢ ᠳᠤ ᠬᠤᠳᠠᠯᠳᠤᠨ ᠠᠪᠬᠤ ᠠᠮᠤ ᠪᠤᠳᠠᠭᠠᠨ ᠤ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠤᠯᠤᠨ ᠬᠤᠳᠠᠯᠳᠤᠬᠤ ᠦᠨ᠎ᠡ ᠬᠠᠩᠰᠢ ᠶᠢ ᠮᠡᠳᠡᠭᠦᠯᠭᠦ ᠬᠡᠷᠡᠭᠲᠡᠢ ᠪᠦᠭᠡᠳ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠲᠤ ᠢᠯᠡ ᠨᠡᠶᠢᠳᠡᠯᠡᠭᠦ ᠬᠡᠷᠡᠭᠲᠡᠢ᠃ ︵ᠭᠤᠷᠪᠠ︶ ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠬᠦᠯᠦᠨ᠂ ᠶᠠᠰᠤ ᠴᠢᠨᠠᠷ ᠢ ᠨᠢ ᠦᠨᠳᠦᠰᠦᠯᠡᠨ ᠬᠠᠩᠰᠢᠯᠠᠵᠤ᠂ ᠲᠠᠷᠢᠶᠠᠴᠢᠳ ᠪᠤᠯᠤᠨ ᠠᠮᠤ ᠪᠤᠳᠠᠭ᠎ᠠ ᠦᠢᠯᠡᠳᠪᠦᠷᠢᠯᠡᠭᠴᠢ ᠶᠢᠨ ᠠᠰᠢᠭ ᠲᠤᠰᠠ ᠶᠢ ᠬᠤᠬᠢᠷᠠᠭᠤᠯᠵᠤ ᠪᠤᠯᠬᠤ ᠦᠭᠡᠢ᠃ ︵ᠲᠦᠷᠪᠡ︶ ᠠᠮᠤ ᠪᠤᠳᠠᠭ᠎ᠠ ᠬᠤᠳᠠᠯᠳᠤᠬᠴᠢ ᠳᠤ ᠠᠮᠤ ᠪᠤᠳᠠᠭ᠎ᠠ ᠬᠤᠳᠠᠯᠳᠤᠨ ᠠᠪᠬᠤ ᠦᠨᠡᠮᠯᠡᠯ ᠢᠶᠠᠨ ᠭᠠᠷᠭᠠᠨ ᠦᠵᠡᠭᠦᠯᠵᠤ᠂ ᠠᠮᠤ ᠪᠤᠳᠠᠭᠠᠨ ᠤ ᠲᠦᠷᠦᠯ ᠵᠦᠢᠯ᠂ ᠵᠡᠷᠭᠡ ᠳᠡᠰ᠂ ᠦᠨ᠎ᠡ ᠬᠠᠩᠰᠢ ᠂ ᠲᠤᠭ᠎ᠠ ᠬᠡᠮᠵᠢᠶ᠎ᠡ ᠵᠢᠴᠢ ᠵᠤᠭᠤᠰ ᠤᠨ ᠲᠤᠭ᠎ᠠ ᠶᠢ ᠲᠤᠳᠤᠷᠬᠠᠢᠢᠯᠠᠬᠤ ᠬᠡᠷᠡᠭᠳᠡᠢ᠃ ︵ᠳᠠᠪᠤ︶ ᠠᠮᠤ ᠪᠤᠳᠠᠭ᠎ᠠ ᠬᠤᠳᠠᠯᠳᠤᠬᠴᠢ ᠳᠤ ᠠᠮᠤ ᠪᠤᠳᠠᠭ᠎ᠠ ᠬᠤᠳᠠᠯᠳᠤᠬᠰᠠᠨ ᠵᠤᠭᠤᠰ ᠢ ᠨᠢ ᠴᠠᠭ ᠳᠤᠬᠠᠢ ᠳᠤᠨᠢ ᠦᠭᠬᠦ ᠬᠡᠷᠡᠭᠲᠡᠢ᠂ ᠬᠤᠶᠢᠰᠢᠯᠠᠭᠤᠯᠵᠤ ᠪᠤᠯᠬᠤ ᠦᠭᠡᠢ᠃ ︵ᠵᠢᠷᠭᠤᠭ︶ ᠶᠠᠮᠠᠷᠪᠠ ᠪᠦᠯᠬᠦᠮ ᠪᠤᠶᠤ ᠬᠤᠪᠢ ᠬᠦᠮᠦᠨ ᠤ ᠨᠠᠶᠢᠳᠠᠯᠭ᠎ᠠ ᠪᠠᠷ ᠶᠠᠮᠠᠷᠪᠠ ᠭᠠᠶᠢᠯᠢ᠂ ᠰᠦᠢᠳᠭᠡᠯ ᠪᠤᠯᠤᠨ ᠪᠤᠰᠤᠳ ᠵᠤᠭᠤᠰ ᠢ ᠤᠷᠤᠯᠠᠠ ᠬᠤᠷᠢᠶᠠᠵᠤ ᠤᠷᠤᠯᠠᠠ ᠳᠤᠰᠢᠶᠠᠵᠤ ᠪᠤᠯᠬᠤ ᠦᠭᠡᠢ᠃ ︵ᠳᠤᠯᠤᠭ᠎ᠠ︶ ᠬᠠᠤᠯᠢ ᠪᠠᠷ ᠳᠤᠬᠳᠠᠭᠠᠬᠰᠠᠠ ᠭᠡᠮᠵᠢᠬᠦᠷ ᠢ ᠬᠢᠨᠠᠠ ᠳᠤᠬᠳᠠᠭᠠᠬᠤ ᠪᠠᠶᠢᠭᠤᠯᠤᠮᠵᠢ ᠶᠢᠨ ᠬᠢᠨᠠᠨ ᠲᠤᠬᠳᠠᠭᠠᠯᠳᠠ ᠳᠤ ᠬᠢᠷᠢ ᠲᠡᠩᠴᠡᠭᠰᠡᠨ ᠬᠡᠮᠵᠢᠯᠳᠡ ᠶᠢᠨ ᠪᠠᠭᠠᠵᠢ ᠬᠡᠷᠡᠭᠰᠡᠯ ᠢ ᠬᠡᠷᠡᠭᠯᠡᠨ᠎ᠡ᠃ ︵ᠨᠠᠢᠮᠠ︶ ᠬᠤᠰᠢᠭᠤ ᠰᠢᠶᠠᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢᠨ ᠴᠢᠨᠠᠷᠲᠡᠢ ᠠᠮᠤ ᠪᠤᠳᠠᠭ᠎ᠠ ᠶᠢ ᠬᠤᠳᠠᠯᠳᠤᠨ ᠠᠪᠤᠨ᠎ᠠ᠃ ︵ᠶᠢᠰᠦ︶ ᠬᠠᠤᠯᠢ ᠴᠠᠭᠠᠵᠠ᠂ ᠬᠠᠤᠯᠢ ᠲᠤᠬᠳᠠᠭᠠᠯ᠂ ᠲᠦᠷᠢᠮ ᠲᠤᠬᠳᠠᠭᠠᠯ ᠳᠤ ᠲᠤᠬᠳᠠᠭᠠᠬᠰᠠᠨ ᠪᠤᠰᠤᠳ ᠡᠭᠦᠷᠭᠡ ᠬᠠᠷᠢᠭᠤᠴᠠᠯᠭ᠎ᠠ᠃       ᠠᠷᠪᠠᠨ ᠲᠦᠷᠪᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠡᠵᠡᠩᠨᠡᠭᠴᠢ ᠬᠤᠰᠢᠭᠤ ᠰᠢᠶᠠᠨ ᠠᠯᠤᠰᠯᠠᠨ ᠠᠮᠤ ᠪᠤᠳᠠᠭ᠎ᠠ ᠬᠤᠳᠠᠯᠳᠤᠨ ᠠᠪᠬᠤ ᠳᠤ᠂ ᠠᠮᠤ ᠪᠤᠳᠠᠭ᠎ᠠ ᠬᠤᠳᠠᠯᠳᠤᠨ ᠠᠪᠬᠤ ᠬᠦᠴᠦᠨ ᠪᠦᠬᠦᠢ ᠦᠨᠡᠮᠯᠡᠯ ᠤᠨ ᠬᠠᠭᠤᠯᠪᠤᠷᠢ ᠲᠡᠪᠳᠡᠷ᠂ ᠡᠵᠡᠩᠨᠡᠯᠳᠠ ᠶᠢᠨ ᠦᠨᠡᠮᠯᠡᠯ ᠤᠨ ᠬᠠᠭᠤᠯᠪᠤᠷᠢ ᠳᠡᠪᠳᠡᠷ ᠪᠠᠶᠢᠬᠤ ᠬᠡᠷᠡᠭᠲᠡᠢ ᠪᠥᠭᠡᠳ ᠠᠮᠤ ᠪᠤᠳᠠᠭ᠎ᠠ ᠬᠤᠳᠠᠯᠳᠤᠨ ᠠᠪᠬᠤ ᠭᠠᠵᠠᠷ ᠤᠷᠤᠨ ᠤ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭᠠᠠ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠠᠮᠤ ᠪᠤᠳᠠᠭ᠎ᠠ ᠬᠤᠳᠠᠯᠳᠤᠨ ᠠᠪᠤᠬᠰᠠᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠪᠠᠶᠢᠳᠠᠯ ᠢᠶᠠᠨ ᠲᠤᠬᠳᠠᠬᠰᠠᠨ ᠬᠤᠭᠤᠴᠠᠭ᠎ᠠ ᠲᠠᠢ ᠮᠡᠳᠡᠭᠦᠯᠦᠨ᠎ᠡ᠃       ᠠᠷᠪᠠᠨ ᠲᠠᠪᠤᠳᠤᠭᠠᠷ ᠵᠥᠢᠯ ᠠᠮᠦ ᠪᠤᠳᠠᠭ᠎ᠠ ᠪᠤᠷᠤᠯᠠᠭᠠᠯᠬᠤ ᠠᠵᠢᠯ ᠬᠢᠵᠤ ᠪᠠᠶᠢᠬᠤ ᠡᠵᠡᠩᠨᠡᠭᠴᠢᠳ ᠲᠤᠤᠷᠠᠬᠢ ᠲᠤᠭᠳᠠᠭᠠᠯ ᠢ ᠵᠢᠷᠤᠮᠯᠠᠪᠠᠯ ᠵᠤᠬᠢᠨ᠎ᠠ᠄ ︵ᠨᠢᠬᠡ︶ ᠤᠯᠤᠰ ᠤᠨ ᠠᠮᠦ ᠪᠤᠳᠠᠭᠠᠨ ᠤ ᠶᠠᠰᠤ ᠴᠢᠨᠠᠷ᠂ ᠡᠷᠡᠬᠦᠯ ᠬᠠᠮᠭᠠᠯᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠡᠢ᠃ ︵ᠬᠤᠶᠠᠷ︶ ᠵᠢᠩ ᠯᠠᠩ ᠶᠢ ᠨᠢ ᠲᠤᠳᠠᠭᠳᠠᠭᠤᠯᠬᠤ᠂ ᠬᠤᠯᠢᠴᠠ ᠬᠤᠯᠢᠵᠤ ᠬᠠᠭᠤᠷᠮᠠᠭ ᠢᠶᠠᠷ ᠵᠤᠬᠢᠶᠠᠠ᠂ ᠮᠠᠭᠤ ᠪᠠᠷ ᠰᠠᠶᠢᠨ ᠶᠢ ᠤᠷᠤᠯᠠᠵᠦ ᠪᠤᠯᠬᠤ ᠦᠬᠡᠢ᠃ ︵ᠭᠤᠷᠪᠠ︶ ᠪᠤᠷᠤᠯᠠᠭᠤᠯᠬᠤ ᠬᠡᠵᠦ ᠪᠠᠶᠢᠭ᠎ᠠ ᠠᠮᠦ ᠪᠤᠳᠠᠭ᠎ᠠ ᠪᠠᠨ ᠠᠮᠦ ᠪᠤᠳᠠᠭ᠎ᠠ ᠶᠢ ᠪᠤᠬᠢᠷᠳᠠᠭᠤᠯᠵᠤ ᠮᠡᠲᠡᠬᠦ ᠪᠤᠳᠠᠰ ᠠᠴᠠ ᠰᠠᠯᠭᠠᠵᠤ ᠲᠠᠯᠪᠢᠬᠤ ᠬᠡᠷᠡᠭᠳᠡᠢ᠃ ︵ᠲᠦᠷᠪᠠ︶ ᠬᠤᠷᠠᠮᠲᠤᠭᠤᠯᠤᠨ ᠲᠠᠷᠤᠵᠤ ᠬᠤᠨᠵᠢᠨ ᠵᠠᠪᠰᠢᠬᠤ᠂ ᠠᠵᠢᠯ ᠨᠢᠬᠡᠲᠠᠨ ᠢᠶᠠᠨ ᠲᠠᠷᠤᠯᠠᠵᠤ ᠵᠠᠬ᠎ᠠ ᠲᠡᠯᠬᠡᠬᠦᠷ ᠢ ᠡᠵᠡᠷᠬᠡᠬᠦ᠂ ᠭᠠᠭᠴᠠᠭᠠᠷ ᠡᠵᠡᠮᠲᠠᠬᠦ ᠪᠤᠶᠤ ᠠᠮᠤ ᠪᠤᠲᠠᠭᠠᠨ ᠤ ᠦᠨ᠎ᠠ ᠬᠠᠨᠭ᠍ᠰᠢ ᠶᠢ ᠲᠤᠷᠠᠪᠠᠷ ᠡᠵᠡᠮᠲᠠᠵᠤ ᠪᠤᠯᠬᠤ ᠦᠬᠡᠢ᠃ ︵ᠲᠠᠪᠤ︶ ᠪᠤᠷᠤᠭᠤᠯᠤᠭᠴᠢ ᠠᠮᠦ ᠪᠤᠳᠠᠭ᠎ᠠ ᠎ ᠶᠢᠨ ᠬᠤᠷᠤᠬᠠᠢᠢᠳᠠᠬᠤ ᠠᠴᠠ ᠰᠠᠷᠬᠡᠶᠢᠯᠡᠬᠦ᠂ ᠬᠤᠯᠤᠭᠠᠨ᠎ᠠ ᠶᠢ ᠰᠡᠷᠬᠡᠶᠢᠯᠡᠬᠦ᠂ ᠸᠠᠯᠠᠬᠤ ᠠᠴᠠ ᠰᠡᠷᠬᠡᠶᠢᠯᠡᠬᠦ᠂ ᠪᠤᠬᠢᠷᠲᠤᠬᠤ ᠠᠴᠠ ᠰᠡᠷᠬᠡᠶᠢᠯᠡᠬᠦ ᠵᠡᠷᠬᠡ ᠶᠠᠷᠤ ᠶᠢᠨ ᠮᠡᠳᠡᠯᠬᠡ ᠶᠢ ᠪᠤᠯᠪᠠᠰᠤᠷᠠᠩᠭᠤᠢ ᠡᠵᠡᠮᠰᠢᠵᠤ᠂ ᠠᠮᠤ ᠪᠤᠳᠠᠭᠠᠨ ᠤ ᠶᠠᠰᠤ ᠴᠢᠨᠡᠷ ᠢ ᠢᠯᠭᠠᠨ ᠲᠠᠨᠢᠬᠤ ᠴᠢᠲᠠᠪᠤᠷᠢ ᠶᠢ ᠪᠦᠷᠢᠯᠲᠤᠬᠦᠯᠬᠦ ᠬᠡᠷᠡᠭᠲᠠᠢ᠃ ︵ᠵᠢᠷᠭᠤᠭ᠎ᠠ︶ ᠪᠤᠯᠪᠠᠰᠤᠷᠠᠭᠤᠯᠤᠭᠰᠠᠨ ᠠᠮᠦ ᠪᠤᠳᠠᠭ᠎ᠠ ᠪᠤᠷᠤᠯᠤᠭᠤᠯᠤᠭᠴᠢ ᠡᠷᠭᠡᠪᠰᠢ ᠡᠷᠡᠬᠦᠯ ᠴᠢᠬᠢᠷᠠᠬ ᠤᠨ ᠬᠢᠷᠢ ᠲᠡᠩᠴᠡᠭᠰᠠᠨ ᠦᠨᠡᠮᠯᠡᠯ ᠪᠠᠶᠢᠬᠤ ᠬᠡᠷᠡᠭᠳᠡᠢ᠃ ︵ᠲᠤᠯᠤᠭ᠎ᠠ︶ ᠬᠠᠤᠯᠢ ᠴᠠᠭᠠᠵᠠ᠂ ᠲᠦᠷᠢᠮ ᠲᠤᠭᠳᠠᠭᠠᠯ ᠳᠤ ᠲᠤᠭᠳᠠᠭᠠᠭᠰᠠᠨ ᠪᠤᠰᠤᠳ ᠡᠬᠦᠷᠬᠡ ᠬᠠᠷᠢᠭᠤᠴᠠᠯᠭ᠎ᠠ᠃       ᠠᠷᠪᠠᠨ ᠵᠢᠷᠭᠤᠳᠤᠭᠠᠷ ᠵᠦᠢᠯ ᠠᠮᠦ ᠪᠤᠳᠠᠭ᠎ᠠ ᠶᠢ ᠬᠠᠳᠠᠭᠠᠯᠠᠵᠦ ᠪᠠᠶᠢᠭ᠎ᠠ ᠡᠵᠡᠩᠨᠡᠭᠴᠢᠳ ᠲᠤᠤᠷᠠᠬᠢ ᠲᠦᠷᠢᠮ ᠲᠤᠭᠳᠠᠭᠠᠯ ᠢ ᠵᠢᠷᠤᠮᠯᠠᠪᠠᠯ ᠵᠤᠬᠢᠨ᠎ᠠ᠄ ︵ᠨᠢᠬᠡ︶ ᠬᠦᠮᠤᠷᠭᠡᠯᠡᠵᠦ ᠬᠠᠳᠠᠭᠠᠯᠠᠬᠤ ᠲᠦᠬᠦᠬᠡᠷᠦᠮᠵᠢ ᠨᠢ ᠤᠯᠤᠰ ᠤᠨ ᠠᠮᠤ ᠪᠤᠲᠠᠭ᠎ᠠ ᠬᠠᠲᠠᠭᠠᠯᠠᠬᠤ ᠶᠠᠰᠤ ᠴᠢᠨᠠᠷ᠂ ᠡᠷᠡᠬᠦᠯ ᠬᠠᠮᠭᠠᠯᠠᠯ ᠤᠨ ᠪᠠᠷᠢᠮᠵᠢᠶ᠎ᠠ ᠪᠤᠯᠤᠨ ᠮᠡᠷᠬᠡᠵᠢᠯ ᠤᠨ ᠲᠦᠷᠢᠮᠵᠢᠯ ᠳᠤ ᠨᠡᠶᠢᠴᠡᠭᠰᠡᠨ ᠪᠠᠶᠢᠬᠤ ᠬᠡᠷᠡᠭᠲᠠᠢ᠃ ︵ᠬᠤᠶᠠᠷ︶ ᠠᠮᠦ ᠪᠤᠳᠠᠭ᠎ᠠ ᠪᠤᠯᠤᠨ ᠠᠮᠦ ᠪᠤᠳᠠᠭ᠎ᠠ ᠶᠢ ᠪᠤᠬᠢᠷᠳᠤᠭᠤᠯᠵᠦ ᠮᠡᠳᠡᠬᠦ ᠪᠤᠳᠠᠰ ᠢ ᠬᠤᠯᠢᠵᠤ ᠬᠠᠳᠠᠭᠠᠯᠠᠵᠦ ᠪᠤᠯᠬᠤ ᠦᠬᠡᠢ᠃ ︵ᠭᠤᠷᠪᠠ︶ ᠸᠠᠯᠠᠭᠰᠠᠨ ᠵᠢᠴᠢ ᠡᠪᠡᠳᠴᠢᠨ ᠬᠤᠷᠤᠬᠠᠢ ᠶᠢᠨ ᠬᠦᠨᠤᠬᠡᠯ ᠤᠯᠤᠰ ᠤᠨ ᠪᠠᠷᠢᠮᠵᠢᠶ᠎ᠠ ᠠᠴᠠ ᠬᠡᠲᠤᠷᠡᠭᠰᠡᠨ ᠠᠮᠤ ᠪᠤᠲᠠᠭ᠎ᠠ ᠶᠢ ᠲᠤᠰᠠᠭᠠᠷ ᠬᠠᠲᠠᠭᠠᠯᠠᠬᠤ ᠪᠥᠭᠡᠳ ᠤᠯᠤᠰ ᠤᠨ ᠲᠤᠭᠲᠠᠭᠠᠯ ᠶᠤᠰᠤᠭᠠᠷ ᠪᠤᠷᠤᠯᠠᠭᠤᠯᠬᠤ ᠪᠤᠶᠤ ᠭᠠᠯᠳᠠᠵᠤ ᠰᠢᠢᠳᠪᠥᠷᠢᠯᠡᠬᠦ ᠬᠡᠷᠡᠭᠲᠠᠢ᠃ ︵ᠲᠦᠷᠪᠠ︶ ᠬᠦᠮᠤᠷᠬᠡᠯᠠᠵᠦ ᠬᠠᠳᠠᠭᠠᠯᠠᠬᠤ ᠲᠤᠨᠤᠭ ᠲᠦᠬᠦᠬᠡᠷᠤᠮᠵᠢ ᠶᠢ ᠠᠷᠢᠭᠤᠳᠬᠠᠵᠤ᠂ ᠠᠮᠤ ᠪᠤᠲᠠᠭᠠᠨ ᠤ ᠬᠤᠷᠤᠬᠠᠶᠢᠲᠤᠯ ᠪᠤᠯᠤᠨ ᠬᠦᠬᠡᠴᠤ ᠶᠢ ᠰᠡᠷᠬᠡᠶᠢᠯᠡᠬᠦ᠂ ᠬᠤᠯᠤᠭᠠᠨ᠎ᠠ ᠶᠢ ᠤᠰᠠᠳᠬᠠᠬᠤ ᠵᠡᠷᠬᠡ ᠳᠤ ᠤᠯᠤᠰ ᠤᠨ ᠲᠤᠭᠲᠠᠭᠠᠭᠰᠠᠨ ᠵᠦᠢᠯ ᠎ ᠠᠴᠠ ᠭᠠᠲᠠᠨᠡᠬᠢ ᠬᠢᠮᠢ ᠶᠢᠨ ᠡᠮ ᠪᠤᠶᠤ ᠬᠢᠮᠢ ᠶᠢᠨ ᠡᠮ ᠢ ᠬᠡᠮᠵᠢᠶ᠎ᠠ ᠠᠴᠠ ᠬᠡᠲᠤᠷᠡᠲᠠᠯ᠎ᠠ ᠬᠡᠷᠡᠭᠯᠡᠵᠤ ᠪᠤᠯᠬᠤ ᠦᠬᠡᠢ᠃ ᠡᠮ ᠤᠨ ᠦᠯᠡᠲᠡᠭᠲᠠᠯ ᠪᠤᠲᠠᠰ ᠤᠨ ᠬᠡᠮᠵᠢᠶ᠎ᠠ ᠤᠯᠤᠰ ᠤᠨ ᠪᠠᠷᠢᠮᠵᠢᠶ᠎ᠠ ᠠᠴᠠ ᠬᠡᠳᠤᠷᠡᠭᠰᠠᠨ ᠠᠮᠦ ᠪᠤᠳᠠᠭ᠎ᠠ ᠶᠢ ᠲᠤᠰᠭᠠᠷ ᠎ ᠨᠢ ᠪᠢᠲᠠᠬᠦᠮᠵᠢᠯᠡᠨ ᠳᠠᠯᠪᠢᠬᠤ ᠪᠥᠭᠡᠳ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠰᠡᠶᠢᠳᠪᠤᠷᠢᠯᠠᠨ᠎ᠠ᠃ ︵ᠲᠠᠪᠤ︶ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠳᠠᠭᠠᠯᠠᠬᠤ ᠠᠮᠦ ᠪᠤᠳᠠᠭᠠᠨ ᠤ ᠬᠢᠮᠢ ᠶᠢᠨ ᠡᠮ ᠤᠨ ᠠᠮᠤᠷ ᠲᠥᠪᠰᠢ ᠬᠠᠳᠠᠭᠠᠯᠠᠵᠤ ᠬᠡᠷᠡᠭᠯᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ︵ᠵᠢᠷᠭᠤᠭ᠎ᠠ︶ ᠬᠡᠪ ᠤᠨ ᠬᠠᠳᠠᠭᠠᠯᠠᠬᠤ ᠬᠤᠭᠤᠴᠠᠭᠠᠨ ᠲᠤᠲᠤᠷᠡᠬᠢ ᠠᠮᠦ ᠪᠤᠳᠠᠭ᠎ᠠ ᠶᠢ ᠬᠦᠮᠦᠷᠬᠡ ᠠᠴᠠ ᠭᠠᠷᠭᠠᠬᠤ ᠳᠤ ᠡᠵᠡᠩᠨᠡᠭᠴᠢ ᠠᠴᠠ ᠦᠪᠡᠷᠲᠡᠬᠡᠨ ᠰᠢᠯᠭᠠᠨ ᠪᠠᠶᠢᠴᠠᠭᠠᠬᠤ ᠶᠢᠨ ᠬᠠᠮᠲᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ ᠮᠡᠳᠡᠬᠦᠯᠥᠯᠲᠡ ᠭᠠᠷᠭᠠᠵᠤ ᠦᠭᠬᠦ ᠬᠡᠷᠡᠭᠲᠠᠢ︔ ᠬᠡᠪ ᠤᠨ ᠬᠠᠳᠠᠭᠠᠯᠠᠬᠤ ᠬᠤᠭᠤᠴᠠᠭᠠᠨ ᠠᠴᠠ ᠬᠡᠳᠦᠷᠡᠭᠰᠡᠨ ᠠᠮᠦ ᠪᠤᠳᠠᠭ᠎ᠠ ᠶᠢ ᠬᠦᠮᠦᠷᠬᠡ ᠠᠴᠠ ᠭᠠᠷᠭᠠᠬᠤ ᠳᠤ᠂ ᠠᠮᠦ ᠪᠤᠳᠠᠭᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠢᠷᠢ ᠬᠡᠮ ᠲᠠᠢ ᠪᠠᠶᠢᠭᠤᠯᠤᠮᠵᠢ ᠠᠴᠠ ᠶᠠᠰᠤ ᠴᠢᠨᠡᠷ ᠤᠨ ᠬᠢᠨᠠᠠ ᠳᠤᠬᠳᠠᠭᠠᠯ ᠬᠢᠬᠦ ᠶᠢᠨ ᠬᠠᠮᠲᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ ᠮᠡᠳᠡᠬᠦᠯᠤᠯᠳᠡ ᠭᠠᠷᠭᠠᠵᠤ ᠦᠭᠬᠦ ᠬᠡᠷᠡᠭᠲᠠᠢ᠃ ︵ᠲᠤᠯᠤᠭ᠎ᠠ︶ ᠬᠠᠤᠯᠢ ᠴᠠᠭᠠᠵᠠ᠂ ᠲᠦᠷᠢᠮ ᠲᠤᠭᠳᠠᠭᠠᠯ ᠳᠤ ᠲᠤᠭᠳᠠᠭᠠᠭᠰᠠᠨ ᠪᠤᠰᠤᠳ ᠡᠬᠦᠷᠬᠡ ᠬᠠᠷᠢᠭᠤᠴᠠᠯᠭ᠎ᠠ᠃       ᠠᠷᠪᠠᠨ ᠲᠤᠯᠤᠳᠤᠭᠠᠷ ᠵᠥᠢᠯ ᠠᠮᠦ ᠪᠤᠳᠠᠭ᠎ᠠ ᠪᠤᠷᠤᠯᠠᠭᠤᠯᠬᠤ᠂ ᠪᠤᠯᠪᠠᠰᠤᠷᠠᠭᠤᠯᠬᠤ ᠪᠠ ᠬᠤᠪᠢᠷᠠᠭᠤᠯᠬᠤ ᠠᠵᠢᠯ ᠬᠢᠵᠤ ᠪᠠᠶᠢᠬᠤ ᠡᠵᠡᠩᠨᠡᠭᠴᠢᠳ ᠠᠴᠠ ᠠᠮᠤ ᠪᠤᠲᠠᠭ᠎ᠠ ᠬᠤᠲᠠᠯᠲᠤᠨ ᠠᠪᠴᠤ ᠬᠠᠲᠠᠭᠠᠯᠠᠵᠤ ᠪᠠᠶᠢᠬᠤ ᠡᠵᠡᠩᠨᠡᠭᠴᠢᠳ ᠎ ᠠᠴᠠ ᠠᠮᠤ ᠪᠤᠲᠠᠭ᠎ᠠ ᠬᠤᠲᠠᠯᠲᠤᠨ ᠠᠪᠬᠤ ᠦᠶ᠎ᠠ ᠳᠤ ᠠᠮᠦ ᠪᠤᠳᠠᠭᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ ᠮᠡᠳᠡᠬᠦᠯᠤᠯᠳᠠ ᠶᠢ ᠨᠢ ᠠᠪᠬᠤ ᠬᠡᠷᠡᠭᠳᠡᠢ᠃       ᠠᠷᠪᠠᠨ ᠨᠠᠶᠢᠮᠠᠳᠤᠭᠠᠷ ᠵᠦᠢᠯ ᠠᠮᠦ ᠪᠤᠳᠠᠭ᠎ᠠ ᠶᠢ ᠲᠡᠬᠡᠬᠡᠪᠦᠷᠢᠯᠡᠬᠦ ᠳᠤ ᠤᠯᠤᠰ ᠤᠨ ᠠᠮᠤ ᠪᠤᠲᠠᠭ᠎ᠠ ᠲᠡᠬᠡᠬᠡᠪᠦᠷᠢᠯᠡᠬᠦ ᠮᠡᠷᠬᠡᠵᠢᠯ ᠤᠨ ᠲᠦᠷᠢᠮᠵᠢᠯ ᠢ ᠴᠢᠩᠭ᠎ᠠ ᠬᠡᠷᠡᠭᠵᠢᠬᠦᠯᠵᠤ᠂ ᠪᠤᠬᠢᠷᠲᠦᠭᠰᠡᠨ ᠲᠡᠬᠡᠬᠡᠪᠦᠷᠢ ᠶᠢᠨ ᠪᠠᠭᠠᠵᠢ ᠪᠤᠶᠤ ᠪᠠᠭᠯᠠᠭ᠎ᠠ ᠶᠢᠨ ᠮᠠᠲ᠋ᠧᠷᠢᠶᠠᠯ ᠢ ᠠᠮᠤ ᠪᠤᠲᠠᠭ᠎ᠠ ᠲᠡᠬᠡᠬᠡᠪᠦᠷᠢᠯᠡᠬᠦ ᠳᠤ ᠬᠡᠷᠡᠭᠯᠡᠵᠤ ᠪᠤᠯᠬᠤ ᠦᠬᠡᠢ᠃       ᠠᠷᠪᠠ ᠶᠢᠰᠦᠳᠦᠬᠡᠷ ᠵᠦᠢᠯ ᠠᠮᠦ ᠪᠤᠳᠠᠭ᠎ᠠ ᠶᠢᠨ ᠡᠳ᠋ᠰᠢᠬᠦᠯᠬᠦ ᠠᠵᠢᠯ ᠬᠢᠵᠤ ᠪᠠᠶᠢᠬᠤ ᠡᠵᠡᠩᠨᠡᠭᠴᠢᠳ ᠲᠤᠤᠷᠠᠬᠢ ᠲᠦᠷᠢᠮ ᠲᠤᠭᠳᠠᠭᠠᠯ ᠶᠢ ᠵᠢᠷᠤᠮᠯᠡᠪᠠᠯ ᠵᠤᠬᠢᠨ᠎ᠠ᠄ ︵ᠨᠢᠬᠡ︶ ᠠᠮᠦ ᠪᠤᠳᠠᠭ᠎ᠠ ᠪᠤᠯᠪᠠᠰᠤᠷᠠᠭᠤᠯᠬᠤ ᠶᠠᠰᠤ ᠴᠢᠨᠠᠷ ᠢ ᠪᠠᠳᠤᠯᠠᠬᠤ ᠪᠠ ᠡᠷᠡᠬᠦᠯ ᠬᠠᠮᠭᠠᠯᠠᠯ ᠤᠨ ᠵᠠᠪᠠᠯ ᠪᠥᠷᠢᠯᠲᠦᠬᠦᠯᠬᠦ ᠨᠦᠬᠦᠴᠡᠯ ᠢ ᠪᠥᠷᠢᠯᠲᠦᠬᠦᠯᠵᠦ᠂ ᠵᠤᠬᠢᠬᠤ ᠬᠢᠷᠢ ᠬᠡᠮ ᠤᠯᠤᠬᠰᠠᠠ ᠪᠠᠶᠢᠬᠤ ᠬᠡᠷᠡᠭᠲᠡᠢ᠃ ︵ᠬᠤᠶᠡᠷ︶ ᠠᠮᠤ ᠪᠤᠳᠠᠭ᠎ᠠ ᠶᠢ ᠡᠳ᠋ᠰᠢᠭᠦᠯᠬᠦ ᠠᠵᠢᠯᠳᠠᠨ ᠨᠢ ᠡᠷᠬᠡᠪᠰᠢ ᠡᠷᠡᠭᠦᠯ ᠴᠢᠬᠢᠷᠠᠭ ᠤᠨ ᠬᠢᠷᠢ ᠲᠡᠩᠴᠡᠭᠰᠡᠨ ᠭᠡᠷᠡᠴᠢ ᠪᠠᠶᠢᠬᠤ ᠬᠡᠷᠡᠭᠳᠡᠢ᠃ ︵ᠭᠤᠷᠪᠡ︶ ᠢᠯᠵᠠᠷᠠᠵᠤ ᠸᠠᠯᠠᠨ ᠴᠢᠨᠠᠷ ᠬᠤᠪᠢᠷᠠᠭᠰᠠᠨ ᠠᠮᠤ ᠪᠤᠳᠠᠭ᠎ᠠ᠂ ᠲᠤᠰᠠᠯᠠᠬᠤ ᠦᠢᠯᠡᠳᠭᠦᠨ ᠢ ᠡᠳ᠋ᠰᠢᠭᠦᠯᠵᠦ ᠪᠤᠯᠬᠤ ᠦᠭᠡᠢ᠃ ︵ᠲᠥᠷᠪᠡ︶ ᠲᠦᠷᠢᠮ ᠲᠤᠭᠳᠠᠭᠠᠯ ᠢ ᠵᠦᠷᠢᠴᠡᠨ ᠳᠤᠷ᠎ᠠ ᠪᠠᠷ ᠢᠶᠠᠨ ᠨᠡᠮᠡᠯᠳᠡ ᠡᠳ᠋ ᠬᠡᠷᠡᠭᠯᠡᠵᠦ ᠪᠤᠯᠬᠤ ᠦᠭᠡᠢ᠃ ︵ᠳᠠᠪᠤ︶ ᠶᠠᠰᠤ ᠴᠢᠨᠠᠷ᠂ ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠭᠤᠳᠠᠯᠯᠠᠬᠤ ᠮᠠᠲ᠋ᠧᠷᠢᠶᠠᠯ ᠢ ᠬᠡᠷᠡᠭᠯᠡᠵᠦ ᠪᠤᠯᠬᠤ ᠦᠭᠡᠢ᠂ ᠪᠤᠭᠤᠳᠠᠯᠯᠠᠭᠰᠠᠨ ᠪᠤᠳᠠᠰ ᠤᠨ ᠲᠡᠭᠡᠷᠡᠬᠢ ᠲᠠᠸᠠᠷ ᠤᠨ ᠲᠡᠮᠳᠡᠭ ᠨᠢ ᠤᠯᠤᠰ ᠤᠨ ᠲᠦᠷᠢᠮ ᠲᠤᠭᠳᠠᠭᠠᠯ ᠳᠤ ᠨᠡᠶᠢᠴᠡᠭᠰᠡᠨ ᠪᠠᠶᠢᠬᠤ ᠬᠡᠷᠡᠭᠳᠡᠢ᠃ ︵ᠵᠢᠷᠭᠤᠭ᠎ᠠ︶ ᠬᠠᠦᠯᠢ ᠴᠠᠭᠠᠵᠠ᠂ ᠬᠠᠦᠯᠢ ᠲᠦᠷᠢᠮ᠂ ᠳᠦᠷᠢᠮ ᠲᠤᠭᠳᠠᠭᠠᠯ ᠳᠤ ᠲᠤᠭᠳᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃       ᠬᠤᠷᠢᠳᠤᠭᠠᠷ ᠵᠦᠢᠯ ᠠᠮᠤ ᠪᠤᠳᠠᠭ᠎ᠠ ᠡᠵᠡᠩᠨᠡᠵᠦ ᠪᠠᠶᠢᠬᠤ ᠡᠵᠡᠩᠨᠡᠭᠴᠢ ᠨᠢ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠎ ᠠᠴᠠ ᠲᠤᠭᠳᠠᠭᠠᠵᠤ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠠᠮᠤ ᠪᠤᠳᠠᠭ᠎ᠠ ᠶᠢᠨ ᠭᠦᠢᠯᠭᠡᠭᠡ ᠶᠢᠨ ᠲᠤᠭ᠎ᠠ ᠪᠦᠷᠢᠳᠬᠡᠯ ᠤᠨ ᠲᠤᠭᠳᠠᠭᠠᠯ ᠢ ᠬᠡᠷᠡᠭᠵᠢᠭᠦᠯᠵᠦ᠂ ᠠᠮᠤ ᠪᠤᠳᠠᠭ᠎ᠠ ᠶᠢᠨ ᠡᠵᠡᠩᠨᠡᠯᠳᠡ ᠶᠢᠨ ᠲᠠᠩᠰᠠ ᠬᠠᠷ᠎ᠠ ᠪᠠᠶᠢᠭᠤᠯᠬᠤ ᠪᠥᠭᠡᠳ ᠰᠠᠭᠤᠭ᠎ᠠ ᠭᠠᠵᠠᠷ ᠤᠨ ᠢᠶᠠᠨ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠭᠳᠠᠭᠰᠠᠨ ᠬᠤᠭᠤᠴᠠᠭ᠎ᠠ ᠲᠠᠢ ᠪᠠᠷ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠪᠤᠯᠤᠨ ᠬᠤᠪᠢᠷᠠᠭᠤᠯᠬᠤ ᠳᠤ ᠬᠡᠷᠡᠭᠯᠡᠬᠦ ᠠᠮᠤ ᠪᠤᠳᠠᠭ᠎ᠠ ᠵᠡᠷᠭᠡ ᠦᠨᠳᠦᠰᠦᠨ ᠲᠤᠭ᠎ᠠ ᠪᠠᠷᠢᠮᠳᠠ ᠵᠢᠴᠢ ᠬᠠᠮᠢᠶ᠎ᠠ ᠪᠦᠬᠦᠢ ᠪᠠᠶᠢᠳᠠᠯ ᠎ ᠢᠶᠠᠨ ᠮᠡᠳᠡᠭᠦᠯᠬᠦ ᠬᠡᠷᠡᠭᠳᠡᠢ᠃ ᠠᠮᠤ ᠪᠤᠳᠠᠭ᠎ᠠ ᠡᠵᠡᠩᠨᠡᠭᠴᠢ ᠶᠢᠨ ᠠᠮᠤ ᠪᠤᠳᠠᠭ᠎ᠠ ᠶᠢᠨ ᠡᠵᠡᠩᠨᠡᠯᠳᠡ ᠶᠢᠨ ᠲᠠᠩᠰᠠ ᠬᠠᠷ᠎ᠠ ᠶᠢ ᠬᠠᠳᠠᠭᠠᠯᠠᠬᠤ ᠬᠤᠭᠤᠴᠠᠭ᠎ᠠ ᠶᠢ 3 ᠵᠢᠯ ᠠᠴᠠ ᠲᠤᠷᠤᠭᠰᠢ ᠪᠠᠶᠢᠯᠭᠠᠵᠤ ᠪᠤᠯᠬᠤ ᠦᠭᠡᠢ᠃ ᠠᠮᠤ ᠪᠤᠳᠠᠭ᠎ᠠ ᠡᠵᠡᠩᠨᠡᠭᠴᠢ ᠶᠢᠨ ᠮᠡᠳᠡᠭᠦᠯᠦᠭᠰᠡᠨ ᠦᠨᠳᠦᠰᠦᠨ ᠲᠤᠭ᠎ᠠ ᠪᠠᠷᠢᠮᠳᠠ ᠪᠤᠯᠤᠨ ᠬᠠᠮᠢᠶ᠎ᠠ ᠪᠦᠬᠦᠢ ᠪᠠᠶᠢᠳᠠᠯ ᠨᠢ ᠬᠤᠳᠠᠯᠳᠤᠭᠠᠨ ᠤ ᠨᠢᠭᠤᠴᠠ ᠲᠠᠢ ᠬᠤᠯᠪᠤᠭᠳᠠᠪᠠᠯ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠨᠢᠭᠤᠴᠠ ᠶᠢ ᠬᠠᠮᠠᠭᠠᠯᠠᠬᠤ ᠡᠭᠦᠷᠭᠡ ᠲᠠᠢ᠃       ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ ᠲᠤᠭ᠎ᠠ ᠪᠦᠷᠢᠳᠬᠡᠯ ᠤᠨ ᠲᠤᠭᠳᠠᠭᠠᠯ ᠤᠨ ᠱᠠᠭᠠᠷᠳᠠᠯᠭ᠎ᠠ ᠶᠤᠰᠤᠭᠠᠷ ᠠᠮᠤ ᠪᠤᠳᠠᠭ᠎ᠠ ᠶᠢ ᠪᠦᠷᠢᠳᠬᠡᠵᠤ ᠪᠠᠶᠢᠴᠠᠭᠠᠠ᠂ ᠲᠤᠭ᠎ᠠ ᠪᠦᠷᠢᠳᠬᠡᠯ ᠤᠨ ᠮᠡᠳᠡᠭᠦᠯᠦᠯᠳᠡ ᠶᠢᠨ ᠬᠦᠰᠦᠨᠦᠩ ᠵᠤᠬᠢᠶᠠᠬᠤ ᠶᠢᠨ ᠬᠠᠮᠳᠤ ᠲᠤᠭ᠎ᠠ ᠪᠦᠷᠢᠳᠬᠡᠯ ᠤᠨ ᠮᠡᠳᠡᠭᠦᠯᠦᠯᠳᠡ ᠎ ᠶᠢᠨ ᠬᠦᠰᠦᠨᠦᠭ ᠢᠶᠠᠨ ᠱᠠᠳᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠳᠡᠢ᠃      ᠭᠤᠷᠪᠠᠳᠤᠭᠠᠷ ᠪᠦᠯᠦᠭ ᠬᠤᠷᠸ᠎ᠠ ᠲᠤᠬᠢᠷᠠᠭᠤᠯᠤᠯᠳᠠ       ᠬᠤᠷᠢᠨ ᠬᠤᠶᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ ᠨᠦᠭᠡᠴᠡᠯᠡᠬᠦ ᠠᠮᠤ ᠪᠤᠳᠠᠭ᠎ᠠ ᠤᠷᠤᠭᠤᠯᠵᠤ ᠭᠠᠷᠭᠠᠬᠤ᠂ ᠨᠠᠶᠢᠳᠠᠵᠤ ᠬᠤᠳᠠᠯᠳᠤᠨ ᠠᠪᠬᠤ᠂ ᠠᠮᠤ ᠪᠤᠳᠠᠭ᠎ᠠ ᠶᠢ ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠤᠷᠤᠭᠤᠯᠬᠤ ᠵᠡᠷᠭᠡ ᠤᠯᠠᠨ ᠵᠦᠢᠯ ᠤᠨ ᠡᠵᠡᠩᠨᠡᠯᠳᠡ ᠶᠢᠨ ᠠᠷᠭ᠎ᠠ ᠪᠠᠷᠢᠯ ᠪᠤᠯᠤᠨ ᠦᠨ᠎ᠡ ᠬᠠᠩᠰᠢ ᠶᠢᠨ ᠬᠦᠰᠢᠬᠦᠷᠭᠡ ᠵᠡᠷᠭᠡ ᠴᠢᠬᠤᠯᠠ ᠪᠦᠬᠦᠢ ᠵᠠᠰᠠᠭ ᠵᠠᠬᠢᠷᠭᠠᠨ ᠤ ᠠᠷᠭ᠎ᠠ ᠪᠠᠷᠢᠯ ᠢ ᠠᠪᠴᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠤᠷᠸ᠎ᠠ ᠲᠤᠬᠢᠷᠠᠭᠤᠯᠤᠯᠳᠠ ᠶᠢ ᠴᠢᠩᠭᠠᠳᠬᠠᠵᠤ᠂ ᠦᠪᠡᠷᠳᠡᠭᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠶᠡᠷᠤᠩᠬᠡᠢ ᠬᠡᠮᠵᠢᠶ᠎ᠡ ᠦᠨᠳᠦᠰᠦᠨ ᠳᠡᠭᠡᠨ ᠲᠡᠩᠴᠡᠭᠦᠷᠢ ᠲᠠᠢ ᠪᠠᠶᠢᠬᠤ ᠪᠠ ᠦᠨ᠎ᠡ ᠬᠠᠩᠰᠢ ᠶᠢᠨ ᠦᠨᠳᠦᠰᠦᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠬᠤ ᠬᠡᠷᠡᠭᠳᠡᠢ᠃       ᠬᠤᠷᠢᠨ ᠭᠤᠷᠪᠠᠳᠤᠭᠠᠷ ᠵᠦᠢᠯ ᠲᠦᠷᠦ ᠶᠢᠨ ᠪᠤᠳᠤᠯᠭ᠎ᠠ ᠶᠢᠨ ᠴᠢᠨᠠᠷᠳᠡᠢ ᠭᠡᠷᠡᠭᠯᠡᠬᠦ ᠠᠮᠤ ᠪᠤᠳᠠᠭ᠎ᠠ ᠶᠢ ᠬᠤᠳᠠᠯᠳᠤᠨ ᠠᠪᠬᠤ ᠪᠠ ᠪᠤᠷᠤᠯᠠᠭᠤᠯᠬᠤ ᠳᠤ ᠵᠠᠷᠴᠢᠮ ᠳᠡᠭᠡᠷ᠎ᠡ ᠪᠠᠨ ᠠᠮᠤ ᠪᠤᠳᠠᠭ᠎ᠠ ᠶᠢ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠢᠶᠠᠷ ᠳᠠᠮᠵᠢᠭᠤᠯᠵᠤ ᠢᠯᠡ ᠪᠠᠷ ᠬᠤᠳᠠᠯᠳᠤᠨ ᠠᠪᠬᠤ ᠪᠤᠶᠤ ᠤᠯᠤᠰ ᠠᠴᠠ ᠲᠤᠭᠳᠠᠭᠠᠬᠰᠠᠠ ᠪᠤᠰᠤᠳ ᠠᠷᠭ᠎ᠠ ᠬᠡᠯᠪᠡᠷᠢ ᠪᠠᠷ ᠬᠤᠳᠠᠯᠳᠤᠨ ᠠᠪᠴᠤ ᠴᠤ ᠪᠤᠯᠤᠨ᠎ᠠ᠃       ᠬᠤᠷᠢᠨ ᠳᠦᠷᠪᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠮᠤ ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦ ᠶᠢᠨ ᠲᠦᠷᠢᠮ ᠢ ᠳᠤᠬᠳᠠᠭᠠᠬᠤ ᠭᠡᠷᠡᠭᠲᠡᠢ᠃ ᠠᠮᠤ ᠪᠤᠳᠠᠭᠠ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦ ᠶᠢ ᠭᠤᠤᠯᠳᠠᠭᠤ ᠠᠮᠤ ᠪᠤᠳᠠᠭ᠎ᠠ ᠲᠠᠷᠢᠵᠤ ᠪᠠᠶᠢᠭ᠎ᠠ ᠲᠠᠷᠢᠶᠠᠴᠢᠳ ᠲᠤ ᠰᠢᠭᠤᠳ ᠨᠦᠬᠦᠪᠦᠷᠢ ᠦᠭᠬᠦ᠂ ᠠᠮᠤ ᠪᠤᠳᠠᠭ᠎ᠠ ᠨᠦᠭᠡᠴᠡᠯᠡᠬᠦ ᠶᠢ ᠳᠡᠮᠵᠢᠬᠦ᠂ ᠠᠮᠤ ᠪᠤᠳᠠᠭᠠᠨ ᠤ ᠵᠠᠬ᠎ᠠ ᠳᠡᠯᠭᠡᠭᠦᠷ ᠢ ᠲᠤᠭᠳᠠᠪᠦᠷᠢᠵᠢᠭᠤᠯᠬᠤ ᠵᠡᠷᠭᠡ ᠳᠤ ᠬᠡᠷᠡᠭᠯᠡᠵᠤ᠂ ᠪᠤᠳᠠᠳᠠᠢ ᠬᠡᠷᠡᠭᠯᠡᠬᠦ ᠠᠷᠭ᠎ᠠ ᠶᠢ ᠤᠯᠤᠰ ᠪᠤᠯᠤᠨ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠠ᠃ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠠᠮᠤ ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦᠨ ᠳᠤ ᠬᠢᠨᠠᠯᠳᠠ ᠳᠠᠯᠪᠢᠵᠤ ᠬᠠᠮᠢᠶᠠᠷᠬᠤ ᠠᠵᠢᠯ ᠢ ᠬᠠᠷᠢᠭᠤᠴᠠᠵᠤ᠂ ᠲᠤᠰᠬᠠᠢ ᠮᠦᠩᠭᠦ ᠶᠢ ᠲᠤᠰᠬᠠᠢ ᠬᠡᠷᠡᠭᠯᠡᠬᠦ ᠶᠢ ᠪᠠᠲᠤᠯᠠᠬᠤ ᠬᠡᠷᠡᠭᠳᠡᠢ᠃       ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠨᠢ ᠠᠮᠤ ᠪᠤᠳᠠᠭ᠎ᠠ᠂ ᠡᠳ᠋ ᠤᠨ ᠵᠠᠰᠠᠭ᠂ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠡᠷᠡᠭᠦᠯ ᠬᠠᠮᠠᠭᠠᠯᠠᠯ᠂ ᠶᠠᠰᠤ ᠴᠢᠨᠠᠷ ᠮᠡᠷᠭᠡᠵᠢᠯ ᠤᠨ ᠬᠢᠨᠠᠯᠳᠠ ᠳᠠᠯᠪᠢᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ᠂ ᠲᠤᠰ ᠭᠠᠵᠠᠷ ᠤᠨ ᠢᠶᠠᠨ ᠪᠤᠳᠠᠳᠤ ᠪᠠᠶᠢᠳᠠᠯ ᠢᠶᠠᠨ ᠦᠨᠲᠦᠰᠦᠯᠡᠡ᠂ ᠲᠤᠰ ᠵᠠᠰᠠᠭ ᠵᠠᠬᠢᠷᠭᠠᠨ ᠤ ᠬᠡᠪᠴᠢᠶᠡᠨ ᠳᠠᠬᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠳᠤᠭᠲᠠᠭᠠᠬᠤ ᠬᠡᠷᠡᠭᠳᠡᠢ᠃       ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠪᠠᠶᠢᠭᠠᠯᠢ ᠶᠢᠨ ᠭᠠᠮᠰᠢᠭ᠂ ᠬᠦᠨᠳᠦ ᠬᠡᠴᠡᠭᠦᠦ ᠭᠡᠮ ᠭᠢᠵᠢᠭ ᠪᠤᠶᠤ ᠪᠤᠰᠤᠳ ᠭᠡᠨᠡᠳᠳᠡ ᠡᠭᠦᠰᠦᠭᠰᠡᠡ ᠬᠡᠷᠡᠭ ᠠᠴᠠ ᠪᠤᠯᠵᠤ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ ᠭᠡᠷᠡᠭᠴᠡᠭᠡᠡ ᠳᠤ ᠬᠡᠪ ᠤᠨ ᠪᠤᠰᠤ ᠪᠠᠶᠢᠳᠠᠯ ᠭᠠᠷᠬᠤ ᠦᠶ᠎ᠠ ᠳᠤ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠠᠴᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠬᠡᠷᠡᠭᠵᠢᠭᠦᠯᠬᠦ ᠬᠡᠷᠡᠭᠳᠡᠢ᠃       ᠬᠤᠷᠢᠨ ᠲᠤᠯᠤᠳᠤᠭᠠᠷ ᠵᠥᠢᠯ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠬᠡᠷᠡᠭᠵᠢᠬᠦᠯᠦᠭᠰᠡᠨ ᠤ ᠲᠠᠷᠠᠭ᠎ᠠ᠂ ᠠᠮᠤ ᠪᠤᠳᠠᠭ᠎ᠠ ᠡᠵᠡᠩᠨᠡᠭᠴᠢᠳ ᠪᠠᠴᠢᠮ ᠠᠷᠭᠠᠴᠠᠬᠤ ᠡᠬᠦᠷᠭᠡ ᠶᠢ ᠡᠬᠦᠷᠭᠡᠯᠡᠨ᠂ ᠨᠢᠬᠡᠲᠦᠯᠲᠡᠢ ᠲᠤᠬᠢᠷᠠᠭᠤᠯᠭ᠎ᠠ ᠪᠠ ᠰᠢᠯᠵᠢᠬᠦᠯᠤᠯᠲᠡ ᠶᠢ ᠲᠠᠭᠠᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠬᠡᠷᠡᠭᠴᠡᠭᠡ ᠶᠢ ᠪᠠᠲᠤᠯᠠᠬᠤ ᠬᠡᠷᠡᠭᠲᠡᠢ᠃       ᠬᠤᠷᠢᠨ ᠨᠠᠢᠮᠠᠳᠤᠭᠠᠷ ᠵᠥᠢᠯ ᠤᠯᠤᠰ ᠠᠴᠠ ᠶᠠᠮᠠᠷ ᠨᠢᠬᠡᠨ ᠲᠦᠷᠦᠯ ᠤᠨ ᠠᠮᠤ ᠪᠤᠳᠠᠭ᠎ᠠ ᠶᠢ ᠬᠠᠮᠤᠬ ᠲᠤᠤᠷ᠎ᠠ ᠦᠨ᠎ᠠ ᠪᠠᠷ ᠬᠤᠳᠠᠯᠳᠤᠨ ᠠᠪᠬᠤ ᠪᠠᠷ ᠳᠤᠬᠳᠠᠭᠠᠬᠤ ᠦᠶ᠎ᠠ ᠳᠤ᠂ ᠬᠤᠰᠢᠭᠤ ᠰᠢᠶᠠᠨ ᠠᠴᠠ ᠲᠡᠭᠡᠭᠰᠢᠭᠢ ᠱᠠᠲᠤᠨ ᠤ ᠠᠷᠠᠳ ᠤᠨ ᠵᠠᠰᠠᠬ ᠤᠨ ᠤᠷᠳᠤᠨ ᠤ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠎ ᠠᠴᠠ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠪᠦᠬᠦᠢ ᠡᠵᠡᠩᠨᠡᠭᠴᠢ ᠳᠤ ᠨᠠᠶᠢᠳᠠᠵᠤ ᠬᠤᠳᠠᠯᠳᠤᠨ ᠠᠪᠬᠤ ᠠᠵᠢᠯ ᠢ ᠵᠤᠬᠢᠶᠠᠨ ᠪᠠᠶᠢᠭᠤᠯᠵᠦ ᠪᠤᠯᠤᠨ᠎ᠠ᠃ ᠲᠠᠷᠢᠶᠠᠴᠢᠳ ᠤᠨ ᠬᠠᠮᠤᠬ ᠤᠨ ᠲᠤᠤᠷ᠎ᠠ ᠬᠤᠳᠠᠯᠳᠤᠨ ᠠᠪᠬᠤ ᠦᠨ᠎ᠠ ᠎ ᠪᠠᠷ ᠬᠤᠳᠠᠯᠳᠤᠬᠰᠠᠨ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠠᠮᠤ ᠪᠤᠳᠠᠭ᠎ᠠ ᠶᠢ ᠨᠠᠶᠢᠳᠠᠯᠭ᠎ᠠ ᠪᠠᠷ ᠠᠮᠤ ᠪᠤᠳᠠᠭ᠎ᠠ ᠬᠤᠳᠠᠯᠳᠤᠨ ᠠᠪᠤᠬᠴᠢ ᠬᠤᠳᠠᠯᠳᠤᠨ ᠠᠪᠬᠤ ᠦᠬᠡᠢ ᠪᠠᠶᠢᠵᠤ ᠪᠤᠯᠬᠤ ᠦᠬᠡᠢ᠃ ᠨᠠᠶᠢᠳᠠᠯᠭ᠎ᠠ ᠪᠠᠷ ᠠᠮᠤ ᠪᠤᠳᠠᠭ᠎ᠠ ᠬᠤᠳᠠᠯᠳᠤᠨ ᠠᠪᠤᠬᠴᠢ ᠠᠴᠠ ᠬᠤᠳᠠᠯᠳᠤᠨ ᠠᠪᠬᠤ ᠡᠬᠦᠷᠭᠡ ᠪᠠᠨ ᠪᠡᠶᠡᠯᠡᠬᠦᠯᠬᠦ ᠶᠢᠨ ᠬᠠᠮᠲᠤ ᠵᠤᠬᠢᠬᠤ ᠡᠷᠬᠡ ᠠᠰᠢᠬ ᠢ ᠡᠳ᠋ᠯᠡᠨ᠎ᠠ᠃       ᠬᠤᠷᠢᠨ ᠶᠢᠰᠦᠳᠦᠬᠡᠷ ᠵᠥᠢᠯ ᠬᠤᠰᠢᠭᠤ ᠰᠢᠶᠠᠨ ᠠᠴᠠ ᠲᠡᠭᠡᠭᠰᠢᠭᠢ ᠱᠠᠲᠤᠨ ᠤ ᠠᠷᠠᠳ ᠤᠨ ᠵᠠᠰᠠᠬ ᠤᠨ ᠤᠷᠳᠤᠨ ᠤ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠠᠷᠢᠶᠠᠯᠠᠩ ᠮᠠᠯ ᠠᠵᠤ ᠠᠬᠤᠢ᠂ ᠲᠤᠭ᠎ᠠ ᠪᠦᠷᠢᠳᠭᠡᠯ᠂ ᠦᠨ᠎ᠠ ᠬᠠᠩᠰᠢ᠂ ᠡᠳ᠋ ᠤᠨ ᠵᠠᠰᠠᠬ᠂ ᠶᠠᠰᠤ ᠴᠢᠨᠠᠷ ᠮᠡᠷᠬᠡᠵᠢᠯ ᠤᠨ ᠬᠢᠨᠠᠯᠲᠠ ᠳᠠᠯᠪᠢᠬᠤ ᠵᠡᠷᠬᠡ ᠰᠠᠯᠠᠭ᠎ᠠ ᠮᠦᠴᠢᠷ ᠲᠠᠢ ᠬᠠᠮᠲᠤᠷᠠᠠ ᠲᠤᠰ ᠵᠠᠰᠠᠬ ᠵᠠᠬᠢᠷᠭᠠᠨ ᠤ ᠤᠷᠤᠨ ᠲᠤᠭᠤᠷᠢᠭ ᠤᠨ ᠳᠤᠳᠤᠷᠡᠬᠢ ᠠᠮᠤ ᠪᠤᠳᠠᠭᠠᠨ ᠤ ᠵᠠᠬ᠎ᠠ ᠲᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠢᠨᠠᠨ ᠬᠡᠮᠵᠢᠯᠲᠡ ᠪᠠ ᠤᠷᠢᠳᠴᠢᠯᠠᠨ ᠰᠡᠷᠡᠮᠵᠢᠯᠡᠬᠦᠯᠬᠦ ᠵᠠᠳᠠᠯᠤᠯᠲᠠ ᠬᠢᠬᠦ ᠶᠢ ᠬᠠᠷᠢᠭᠤᠴᠠᠵᠦ᠂ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ ᠎ ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠲᠦᠷᠢᠮ ᠳᠤᠬᠳᠠᠭᠠᠠ᠂ ᠠᠮᠤ ᠪᠤᠳᠠᠭᠠᠠ ᠤ ᠦᠢᠯᠡᠳᠪᠦᠷᠢᠯᠡᠯ᠂ ᠬᠡᠷᠡᠭᠯᠡᠭᠡ᠂ ᠦᠨ᠎ᠠ ᠬᠠᠩᠰᠢ᠂ ᠶᠠᠰᠤ ᠴᠢᠨᠠᠷ ᠵᠡᠷᠭᠡ ᠮᠡᠳᠡᠭᠡ ᠵᠠᠩᠬᠢ ᠶᠢ ᠨᠡᠶᠢᠲᠡᠯᠡᠨ᠎ᠠ᠃       ᠲᠦᠷᠪᠡᠳᠦᠭᠡᠷ ᠪᠦᠯᠦᠭ ᠬᠢᠨᠠᠯᠲᠠ ᠳᠠᠯᠪᠢᠵᠤ ᠪᠠᠶᠢᠴᠠᠭᠠᠬᠤ       ᠭᠤᠴᠢᠳᠤᠭᠠᠷ ᠵᠥᠢᠯ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠤᠤᠷᠠᠬᠢ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠶᠢ ᠬᠠᠤᠯᠢ ᠶᠤᠰᠤᠭᠠᠷ ᠬᠢᠨᠠᠯᠲᠠ ᠳᠠᠯᠪᠢᠵᠤ ᠪᠠᠶᠢᠴᠠᠭᠠᠨ᠎ᠠ᠄ ︵ᠨᠢᠬᠡ ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠪᠠ ᠤᠯᠤᠰ ᠤᠨ ᠠᠮᠤ ᠪᠤᠳᠠᠭ᠎ᠠ ᠶᠢᠨ ᠬᠠᠤᠯᠢ ᠴᠠᠭᠠᠵᠠ᠂ ᠬᠠᠤᠯᠢ ᠲᠦᠷᠢᠮ ᠢ ᠬᠡᠷᠡᠭᠵᠢᠬᠦᠯᠦᠭᠰᠡᠨ ᠪᠠᠶᠢᠳᠠᠯ᠃ ︵ᠬᠤᠶᠠᠷ︶ ᠠᠮᠤ ᠪᠤᠳᠠᠭ᠎ᠠ ᠨᠦᠬᠡᠴᠡᠯᠡᠬᠦ᠂ ᠵᠦᠬᠡᠬᠡᠪᠦᠷᠢᠯᠡᠬᠦ ᠮᠡᠷᠬᠡᠵᠢᠯ ᠤᠨ ᠪᠠᠷᠢᠮᠵᠢᠶ᠎ᠠ ᠪᠠ ᠲᠦᠷᠢᠮᠵᠢᠯ ᠢ ᠬᠡᠷᠡᠭᠵᠢᠬᠦᠯᠦᠭᠰᠡᠨ ᠪᠠᠶᠢᠳᠠᠯ᠃ ︵ᠭᠤᠷᠪᠠ︶ ᠠᠮᠤ ᠪᠤᠳᠠᠭ᠎ᠠ ᠪᠤᠷᠤᠯᠠᠭᠤᠯᠵᠤ ᠬᠦᠮᠦᠷᠭᠡ ᠠᠴᠠ ᠭᠠᠷᠭᠠᠬᠤ ᠶᠠᠰᠤ ᠴᠢᠨᠠᠷ ᠤᠨ ᠰᠢᠯᠭᠠᠨ ᠪᠠᠶᠢᠴᠠᠭᠠᠬᠤ ᠲᠦᠷᠢᠮ ᠢ ᠬᠡᠷᠡᠭᠵᠢᠬᠦᠯᠦᠭᠰᠡᠨ ᠪᠠᠶᠢᠳᠠᠯ᠃ ︵ᠲᠦᠷᠪᠡ︶ ᠠᠮᠤ ᠪᠤᠳᠠᠭᠠᠨ ᠤ ᠬᠦᠢᠯᠬᠡᠬᠡᠨ ᠤ ᠲᠤᠭ᠎ᠠ ᠪᠦᠷᠢᠳᠭᠡᠯ ᠤᠨ ᠲᠦᠷᠢᠮ ᠢ ᠬᠡᠷᠡᠭᠵᠢᠬᠦᠯᠦᠭᠰᠡᠨ ᠪᠠᠶᠢᠳᠠᠯ᠃ ︵ᠲᠠᠪᠤ︶ ᠠᠮᠤ ᠪᠤᠳᠠᠭ᠎ᠠ ᠬᠤᠳᠠᠯᠳᠤᠨ ᠠᠪᠬᠤ᠂ ᠡᠳ᠋ᠰᠢᠬᠦᠯᠬᠦ᠂ ᠬᠤᠪᠢᠷᠠᠭᠤᠯᠬᠤ ᠪᠠ ᠡᠳ᠋ᠰᠢᠬᠦᠯᠦᠭᠰᠡᠨ ᠠᠮᠤ ᠪᠤᠳᠠᠭ᠎ᠠ ᠶᠢ ᠪᠦᠬᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠦ ᠠᠬᠤᠢᠢᠯᠠᠯ ᠤᠨ ᠬᠠᠮᠤᠬ ᠲᠤᠤᠷ᠎ᠠ ᠬᠦᠮᠦᠷᠭᠡ ᠳᠤ ᠬᠠᠳᠠᠭᠠᠯᠠᠬᠤ ᠬᠡᠮᠵᠢᠶ᠎ᠠ ᠶᠢᠨ ᠲᠤᠭᠲᠠᠭᠠᠯ ᠢ ᠬᠡᠷᠡᠭᠵᠢᠬᠦᠯᠦᠭᠰᠡᠨ ᠪᠠᠶᠢᠳᠠᠯ᠃ ︵ᠵᠢᠷᠭᠤᠭ᠎ᠠ︶ ᠲᠦᠷᠦ ᠎ ᠶᠢᠨ ᠪᠤᠳᠤᠯᠭ᠎ᠠ ᠶᠢᠨ ᠴᠢᠨᠡᠷᠲᠡᠢ ᠬᠡᠷᠡᠭᠯᠡᠬᠦ ᠠᠮᠤ ᠪᠤᠳᠠᠭ᠎ᠠ ᠬᠤᠳᠠᠯᠳᠤᠨ ᠠᠪᠴᠤ ᠪᠤᠷᠤᠯᠠᠭᠤᠯᠬᠤ ᠠᠵᠢᠯᠯᠠᠭ᠎ᠠ ᠶᠢ ᠬᠦᠢᠴᠡᠳᠭᠡᠭᠰᠡᠡ ᠪᠠᠶᠢᠳᠠᠯ᠃ ︵ᠲᠤᠯᠤᠭ᠎ᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠭᠡᠷᠡᠭᠵᠢᠬᠦᠯᠦᠭᠰᠡᠨ ᠪᠠᠶᠢᠳᠠᠯ᠃ ︵ᠨᠠᠢᠮᠠ︶ ᠬᠠᠤᠯᠢ ᠴᠠᠭᠠᠵᠠ᠂ ᠲᠦᠷᠢᠮ ᠲᠤᠬᠲᠠᠭᠠᠯ ᠳᠤ ᠬᠢᠨᠠᠯᠳᠠ ᠳᠠᠯᠪᠢᠵᠤ ᠪᠠᠶᠢᠴᠠᠭᠠᠬᠤ ᠪᠠᠷ ᠳᠤᠬᠳᠠᠭᠠᠬᠰᠠᠠ ᠪᠤᠰᠤᠳ ᠵᠥᠢᠯ᠃       ᠭᠤᠴᠢᠨ ᠨᠢᠬᠡᠳᠦᠭᠡᠷ ᠵᠥᠢᠯ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠶᠠᠰᠤ ᠴᠢᠨᠠᠷ ᠮᠡᠷᠬᠡᠵᠢᠯ ᠤᠨ ᠬᠢᠨᠠᠯᠲᠠ ᠲᠠᠯᠪᠢᠬᠤ ᠪᠠ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠎ ᠢᠶᠠᠨ ᠦᠨᠳᠦᠰᠦᠯᠡᠨ᠂ ᠬᠠᠤᠯᠢ ᠶᠤᠰᠤᠭᠠᠷ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠳᠤ ᠬᠢᠨᠠᠯᠲᠠ ᠳᠠᠯᠪᠢᠵᠤ ᠪᠠᠶᠢᠴᠠᠭᠠᠬᠤ ᠭᠡᠷᠡᠭᠲᠡᠢ᠃ ᠠᠮᠤ ᠪᠤᠳᠠᠭ᠎ᠠ ᠶᠢᠨ ᠬᠦᠢᠯᠬᠡᠬᠡᠨ ᠳᠤ ᠬᠢᠨᠠᠯᠳᠠ ᠳᠠᠯᠪᠢᠵᠤ ᠪᠠᠶᠢᠴᠠᠭᠠᠬᠤ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠯᠳᠠ ᠳᠠᠯᠪᠢᠵᠤ ᠪᠠᠶᠢᠴᠠᠭᠠᠬᠤ ᠠᠵᠢᠯ ᠤᠨ ᠵᠤᠬᠢᠴᠠᠭᠤᠯᠬᠤ ᠲᠤᠭᠲᠠᠴᠠ ᠪᠠᠶᠢᠭᠤᠯᠵᠦ᠂ ᠠᠮᠤ ᠪᠤᠳᠠᠭ᠎ᠠ ᠶᠢᠨ ᠬᠦᠢᠯᠬᠡᠬᠡᠡ ᠳᠤ ᠬᠢᠨᠠᠯᠳᠠ ᠳᠠᠯᠪᠢᠵᠤ ᠪᠠᠶᠢᠴᠠᠭᠠᠬᠰᠠᠠ ᠬᠠᠮᠢᠶ᠎ᠠ ᠪᠦᠬᠦᠢ ᠪᠠᠶᠢᠳᠠᠯ ᠢᠶᠠᠨ ᠲᠤᠬᠲᠠᠬᠰᠠᠨ ᠬᠤᠭᠤᠴᠠᠭ᠎ᠠ ᠲᠠᠢ ᠪᠠᠷ ᠰᠤᠯᠢᠯᠴᠠᠵᠤ ᠮᠡᠳᠡᠬᠦᠯᠬᠦ ᠭᠡᠷᠡᠭᠲᠡᠢ᠃       ᠭᠤᠴᠢᠨ ᠬᠤᠶᠠᠳᠤᠭᠠᠷ ᠵᠥᠢᠯ ᠠᠮᠤ ᠪᠤᠳᠠᠭ᠎ᠠ ᠶᠢᠨ ᠬᠦᠢᠯᠬᠡᠬᠡᠨ ᠳᠤ ᠬᠢᠨᠠᠯᠳᠠ ᠳᠠᠯᠪᠢᠵᠤ ᠪᠠᠶᠢᠴᠠᠭᠠᠬᠤ ᠠᠵᠢᠯᠲᠠᠳ ᠠᠴᠠ ᠬᠢᠨᠠᠯᠳᠠ ᠳᠠᠯᠪᠢᠵᠤ ᠪᠠᠶᠢᠴᠠᠭᠠᠬᠤ ᠳᠠᠭᠠᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠠᠴᠠ ᠤᠯᠭᠤᠬᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠬᠠᠤᠯᠢ ᠬᠡᠷᠡᠭᠵᠢᠬᠦᠯᠬᠦ ᠦᠨᠡᠮᠯᠡᠯ︾᠎ ᠢᠶᠠᠨ ᠭᠠᠷᠭᠠᠬᠤ ᠬᠡᠷᠡᠭᠲᠡᠢ᠂ ᠬᠠᠤᠯᠢ ᠬᠡᠷᠡᠭᠵᠢᠬᠦᠯᠬᠦ ᠦᠨᠡᠮᠯᠡᠯ ᠢᠶᠠᠨ ᠭᠠᠷᠭᠠᠬᠤ ᠦᠬᠡᠢ ᠪᠤᠯ ᠪᠠᠶᠢᠴᠠᠭᠠᠬᠳᠠᠭᠴᠢ ᠪᠠᠶᠢᠴᠠᠭᠠᠯᠭᠠᠬᠤ ᠦᠬᠡᠢ ᠪᠠᠶᠢᠬᠤ ᠡᠷᠭᠡ ᠲᠠᠢ᠃ ᠠᠮᠤ ᠪᠤᠳᠠᠭ᠎ᠠ ᠶᠢᠨ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠯᠳᠠ ᠳᠠᠯᠪᠢᠵᠤ ᠪᠠᠶᠢᠴᠠᠭᠠᠬᠤ ᠳᠤ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ ᠦᠢᠯᠡᠳᠪᠥᠷᠢᠯᠡᠯ ᠡᠵᠡᠩᠨᠡᠯᠲᠡ ᠶᠢᠨ ᠠᠵᠢᠯᠯᠠᠭ᠎ᠠ ᠶᠢ ᠬᠠᠷᠰᠢᠯᠠᠵᠤ ᠪᠤᠯᠬᠤ ᠦᠭᠡᠢ᠃ ᠠᠮᠤ ᠪᠤᠳᠠᠭ᠎ᠠ ᠶᠢᠨ ᠬᠦᠢᠯᠭᠡᠭᠡᠡ ᠳᠤ ᠬᠢᠨᠠᠯᠳᠠ ᠳᠠᠯᠪᠢᠵᠤ ᠪᠠᠶᠢᠴᠠᠭᠠᠬᠤ ᠬᠦᠮᠥᠰ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠪᠠᠶᠢᠴᠠᠭᠠᠬᠳᠠᠬᠴᠢ ᠨᠢ ᠬᠠᠮᠵᠢᠯᠴᠠᠪᠠᠯ ᠵᠤᠬᠢᠨ᠎ᠠ᠃ ᠶᠠᠮᠠᠷᠪᠠ ᠨᠢᠬᠡᠴᠡ ᠪᠠ ᠬᠤᠪᠢ ᠬᠦᠮᠦᠨ ᠠᠮᠤ ᠪᠤᠳᠠᠭ᠎ᠠ ᠶᠢᠨ ᠬᠦᠢᠯᠭᠡᠭᠡᠨ ᠳᠤ ᠬᠢᠨᠠᠯᠳᠠ ᠳᠠᠯᠪᠢᠵᠤ ᠪᠠᠶᠢᠴᠠᠭᠠᠬᠤ ᠠᠵᠢᠯᠲᠠᠳ ᠤᠨ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ ᠬᠦᠯᠢᠶᠡᠬᠦ ᠦᠭᠡᠢ᠂ ᠬᠠᠷᠰᠢᠯᠠᠵᠤ᠂ ᠬᠠᠯᠳᠠᠵᠦ ᠪᠤᠯᠬᠤ ᠦᠬᠡᠢ᠃       ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ      ᠭᠤᠴᠢᠨ ᠭᠤᠷᠪᠠᠳᠤᠭᠠᠷ ᠵᠥᠢᠯ ᠲᠤᠰ ᠠᠷᠭ᠎ᠠ ᠶᠢᠨ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠦᠷᠢᠮ ᠳᠤ ᠲᠤᠷᠭᠠᠬᠤ ᠲᠤᠭᠲᠠᠭᠠᠯ ᠲᠠᠢ ᠪᠤᠯ᠂ ᠳᠤᠬᠳᠠᠭᠠᠯ ᠶᠤᠰᠤᠭᠠᠷ ᠭᠡᠷᠡᠭᠵᠢᠬᠦᠯᠥᠨ᠎ᠠ᠃       ᠭᠤᠴᠢᠨ ᠲᠦᠷᠪᠡᠳᠦᠬᠡᠷ ᠵᠥᠢᠯ ᠲᠤᠰ ᠠᠷᠭ᠎ᠠ ᠶᠢᠨ ᠠᠷᠪᠠᠨ ᠨᠢᠬᠡᠳᠦᠬᠡᠷ ᠵᠥᠢᠯ ᠤᠨ ᠨᠢᠭᠡᠲᠦᠭᠡᠷ ᠵᠤᠷᠪᠤᠰ ᠳᠤᠬᠳᠠᠭᠠᠯ ᠢ ᠵᠦᠷᠢᠴᠡᠵᠤ᠂ ᠬᠦᠴᠦᠨ ᠪᠦᠬᠦᠢ ᠬᠤᠭᠤᠴᠠᠭᠠᠠ ᠲᠤᠲᠤᠷ᠎ᠠ ᠵᠦᠪᠰᠢᠶᠡᠷᠡᠭᠰᠡᠨ ᠵᠥᠢᠯ ᠢᠶᠠᠨ ᠬᠤᠪᠢᠷᠠᠭᠤᠯᠤᠬᠰᠠᠨ ᠴᠤ᠂ ᠬᠤᠪᠢᠷᠠᠭᠤᠯᠬᠤ ᠭᠠᠷ ᠬᠦᠢᠴᠡᠳᠭᠡᠯ ᠬᠢᠭᠡᠲᠦᠢ ᠪᠤᠯ᠂ ᠠᠮᠤ ᠪᠤᠳᠠᠭ᠎ᠠ ᠶᠢᠨ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠬᠳᠠᠵᠤ ᠬᠤᠪᠢᠷᠠᠭᠤᠯᠤᠨ᠎ᠠ᠂ ᠬᠤᠭᠤᠴᠠᠭ᠎ᠠ ᠨᠢ ᠦᠩᠬᠡᠷᠡᠭᠰᠡᠡ ᠪᠠᠶᠢᠳᠠᠯ᠎ᠠ ᠬᠤᠪᠢᠷᠠᠭᠤᠯᠤᠭᠠᠲᠦᠢ ᠪᠤᠯ ᠨᠢᠬᠡ ᠮᠢᠩᠭᠠᠨ ᠲᠦᠬᠦᠷᠢᠭ ᠠᠴᠠ ᠲᠡᠭᠡᠭᠰᠢ ᠨᠢᠬᠡ ᠲᠦᠮᠡᠨ ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃       ᠭᠤᠴᠢᠨ ᠲᠠᠪᠣᠳᠣᠭᠠᠷ ᠵᠦᠢᠯ ᠲᠣᠰ ᠠᠷᠭ᠎ᠠ ᠶᠢᠨ ᠲᠣᠭᠳᠠᠭᠠᠯ ᠢ ᠵᠦᠷᠢᠴᠡᠵᠤ᠂ ᠲᠣᠣᠷᠠᠬᠢ ᠠᠵᠢᠯᠯᠠᠭ᠎ᠠ ᠶᠢᠨ ᠨᠢᠬᠡ ᠶᠢ ᠦᠢᠯᠡᠳᠦᠭᠰᠡᠨ ᠪᠠᠶᠢᠪᠠᠯ᠂ ᠠᠮᠣ ᠪᠣᠳᠠᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠵᠠᠷᠯᠢᠬᠳᠡᠨ ᠦᠭᠡᠷᠡᠴᠢᠯᠡᠬᠦ ᠶᠢ ᠰᠠᠨᠠᠭᠤᠯᠵᠦ᠂ 5000 ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ ᠲᠣᠷᠣᠭᠰᠢ ᠲᠣᠷᠭᠠᠨ᠎ᠠ︔ ᠶᠡᠯ᠎ᠠ ᠭᠢᠬᠦ ᠬᠡᠮᠵᠢᠶᠡᠡ ᠳᠤ ᠬᠦᠷᠦᠭᠰᠡᠡ ᠪᠤᠯ ᠠᠴᠠ ᠬᠠᠣᠯᠢ ᠶᠣᠰᠣᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠄ ︵ᠨᠢᠬᠡ︶ ᠠᠮᠣ ᠪᠣᠳᠠᠭ᠎ᠠ ᠬᠤᠳᠠᠯᠳᠣᠨ ᠠᠪᠬᠤ ᠵᠦᠪᠰᠢᠶᠡᠷᠡᠯ ᠤᠨ ᠦᠨᠡᠮᠯᠡᠯ ᠢ ᠬᠠᠭᠤᠷᠮᠠᠭ ᠵᠣᠬᠢᠶᠠᠬᠰᠠᠨ᠂ ᠪᠡᠯᠡᠯᠡᠨ ᠵᠠᠰᠠᠭᠰᠠᠨ᠂ ᠬᠤᠳᠠᠯᠳᠣᠭᠰᠠᠨ᠂ ᠰᠢᠯᠵᠢᠬᠦᠯᠦᠭᠰᠡᠨ᠂ ᠲᠦᠷᠢᠶᠠᠰᠣᠯᠠᠬᠦᠯᠦᠭᠰᠡᠨ᠂ ᠵᠢᠬᠡᠯᠡᠬᠦᠯᠦᠭᠰᠡᠨ᠃ ︵ᠬᠤᠶᠡᠷ︶ ᠠᠮᠣ ᠪᠣᠳᠠᠭ᠎ᠠ ᠬᠢᠭᠡᠳ ᠠᠮᠣ ᠪᠣᠳᠠᠭᠠᠨ ᠶᠢ ᠪᠤᠬᠢᠷᠳᠤᠭᠤᠯᠵᠤ ᠮᠡᠳᠡᠬᠦ ᠪᠤᠳᠠᠰ ᠢ ᠴᠤᠭ ᠬᠠᠳᠠᠭᠠᠯᠠᠭᠰᠠᠨ᠃ ︵ᠭᠤᠷᠪᠠ︶ ᠢᠯᠵᠠᠷᠠᠵᠦ ᠬᠤᠷᠣᠬᠠᠢᠢᠳᠠᠭᠠᠳ ᠣᠯᠣᠰ ᠤᠨ ᠪᠠᠷᠢᠮᠵᠢᠶ᠎ᠠ ᠠᠴᠠ ᠬᠡᠳᠦᠷᠡᠭᠰᠡᠨ ᠠᠮᠣ ᠪᠣᠳᠠᠭ᠎ᠠ ᠠᠰ ᠲᠤᠨᠢ ᠬᠠᠳᠠᠭᠠᠯᠠᠭᠰᠠᠨ ᠦᠬᠡᠢ᠃ ︵ᠲᠦᠷᠪᠡ︶ ᠣᠯᠣᠰ ᠤᠨ ᠲᠣᠭᠳᠠᠭᠠᠯ ᠳᠤ ᠲᠣᠭᠳᠠᠭᠠᠭᠰᠠᠨ ᠵᠦᠢᠯ ᠠᠴᠠ ᠭᠠᠳᠠᠨᠠᠬᠢ ᠬᠢᠮᠢ ᠶᠢᠨ ᠡᠮ ᠪᠣᠶᠣ ᠬᠢᠮᠢ ᠶᠢᠨ ᠡᠮ ᠢ ᠬᠡᠳᠦᠷᠡᠳᠡᠯ᠎ᠡ ᠭᠡᠷᠡᠭᠯᠡᠨ ᠬᠦᠮᠦᠷᠭᠡ ᠶᠢᠨ ᠲᠦᠭᠦᠬᠡᠷᠦᠮᠵᠢ ᠶᠢ ᠠᠷᠢᠭᠤᠳᠬᠠᠭᠰᠠᠨ᠂ ᠠᠮᠣ ᠪᠣᠳᠠᠭᠠᠨ ᠤ ᠬᠤᠷᠣᠬᠠᠢᠢᠳᠠᠯ ᠪᠣᠯᠣᠨ ᠬᠦᠬᠡᠴᠦ ᠶᠢ ᠰᠡᠷᠭᠡᠶᠢᠯᠡᠨ᠂ ᠬᠤᠯᠣᠭᠠᠨ᠎ᠠ ᠣᠰᠠᠳᠬᠠᠭᠰᠠᠨ ᠪᠣᠶᠣ ᠡᠮ ᠤᠨ ᠦᠯᠡᠳᠡᠭᠳᠡᠯ ᠤᠨ ᠬᠡᠮᠵᠢᠶ᠎ᠠ ᠨᠢ ᠣᠯᠣᠰ ᠤᠨ ᠪᠠᠷᠢᠮᠵᠢᠶ᠎ᠡ ᠠᠴᠠ ᠬᠡᠳᠦᠷᠡᠭᠰᠡᠨ ᠠᠮᠣ ᠪᠣᠳᠠᠭ᠎ᠠ ᠶᠢ ᠠᠰ ᠲᠤᠨᠢ ᠪᠢᠲᠡᠬᠦᠮᠵᠢᠯᠡᠵᠦ ᠬᠠᠳᠠᠭᠠᠯᠠᠭᠰᠠᠨ ᠦᠬᠡᠢ᠃       ᠭᠤᠴᠢᠨ ᠵᠢᠷᠭᠤᠳᠣᠭᠠᠷ ᠵᠦᠢᠯ ᠲᠣᠰ ᠠᠷᠭ᠎ᠠ ᠶᠢᠨ ᠠᠷᠪᠠᠨ ᠭᠤᠷᠪᠠᠳᠣᠭᠠᠷ ᠵᠦᠢᠯ ᠤᠨ ᠨᠢᠬᠡᠳᠦᠭᠡᠷ ᠵᠤᠷᠪᠤᠰ ᠤᠨ ᠨᠢᠬᠡᠳᠦᠭᠡᠷ ᠲᠥᠷᠥᠯ ᠤᠨ ᠲᠣᠭᠳᠠᠭᠠᠯ ᠢ ᠵᠦᠷᠢᠴᠡᠵᠦ ᠠᠮᠣ ᠪᠣᠳᠠᠭ᠎ᠠ ᠬᠤᠳᠠᠯᠳᠣᠨ ᠠᠪᠬᠤ ᠲᠠᠯᠪᠣᠷ ᠲᠤ ᠬᠤᠳᠠᠯᠳᠣᠨ ᠠᠪᠬᠤ ᠵᠦᠪᠰᠢᠶᠡᠯ ᠤᠨ ᠦᠨᠡᠮᠯᠡᠯ ᠪᠡ ᠡᠵᠡᠩᠨᠡᠯᠳᠡ ᠶᠢᠨ ᠦᠨᠡᠮᠯᠡᠯ ᠢᠶᠠᠨ ᠢᠯᠡ ᠭᠠᠷᠭᠠᠭᠰᠠᠨ ᠦᠬᠡᠢ ᠪᠣᠯ ᠠᠮᠣ ᠪᠣᠳᠠᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠵᠠᠯᠠᠷᠠᠭᠤᠯᠤᠨ᠎ᠠ᠃       ᠭᠤᠴᠢᠨ ᠲᠣᠯᠣᠳᠣᠭᠠᠷ ᠵᠦᠢᠯ ᠳᠤᠰ ᠠᠷᠭ᠎ᠠ ᠶᠢᠨ ᠳᠤᠬᠳᠠᠭᠠᠯ ᠢ ᠵᠦᠷᠢᠴᠡᠵᠦ᠂ ᠲᠣᠣᠷᠠᠬᠢ ᠠᠵᠢᠯᠯᠠᠭ᠎ᠠ ᠶᠢᠨ ᠨᠢᠬᠡ ᠶᠢ ᠬᠢᠭᠰᠡᠨ ᠪᠠᠶᠢᠪᠠᠯ᠂ ᠠᠮᠣ ᠪᠣᠳᠠᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ ᠵᠠᠯᠠᠷᠠᠭᠤᠯᠤᠨ᠎ᠠ᠂ ᠬᠤᠭᠤᠴᠠᠭ᠎ᠠ ᠬᠡᠳᠦᠷᠡᠭᠡᠳ ᠵᠠᠯᠠᠷᠠᠭᠤᠯᠬᠤ ᠦᠬᠡᠢ ᠪᠣᠯ 500 ᠲᠦᠭᠦᠷᠢᠭ ᠠᠴᠠ ᠲᠡᠭᠡᠭᠰᠢ 1000 ᠲᠦᠭᠦᠷᠢᠭ ᠠᠴᠠ ᠲᠣᠷᠣᠭᠰᠢ ᠲᠣᠷᠭᠠᠨ᠎ᠠ᠄ ︵ᠨᠢᠬᠡ︶ ᠠᠮᠤ ᠪᠣᠳᠠᠭ᠎ᠠ ᠬᠤᠳᠠᠯᠳᠣᠭᠴᠢ ᠳᠤ ᠠᠮᠣ ᠪᠣᠳᠠᠭ᠎ᠠ ᠬᠤᠳᠠᠯᠳᠤᠨ ᠠᠪᠣᠭᠰᠠᠨ ᠭᠡᠷᠡᠴᠢ ᠪᠠᠷᠢᠮᠳᠠ ᠬᠢᠵᠤ ᠦᠭᠭᠦᠭᠰᠡᠨ ᠦᠬᠡᠢ᠃ ︵ᠬᠤᠶᠡᠷ︶ ᠡᠩ ᠤᠨ ᠬᠠᠳᠠᠭᠠᠯᠠᠬᠤ ᠬᠤᠭᠤᠴᠠᠭᠠᠨ ᠳᠤ ᠬᠦᠮᠦᠷᠭᠡ ᠠᠴᠠ ᠭᠠᠷᠭᠠᠬᠰᠠᠠ ᠠᠮᠣ ᠪᠣᠳᠠᠭ᠎ᠠ ᠶᠢ ᠡᠵᠡᠩᠨᠡᠭᠴᠢ ᠶᠠᠰᠤ ᠴᠢᠨᠠᠷ ᠤᠨ ᠰᠢᠯᠭᠠᠨ ᠪᠠᠶᠢᠴᠠᠭᠠᠯᠳᠠ ᠬᠢᠯᠭᠡᠭᠰᠡ ᠦᠬᠡᠢ ᠪᠣᠶᠣ ᠶᠠᠰᠤ ᠴᠢᠨᠠᠷ ᠶᠢ ᠪᠠᠶᠢᠴᠠᠭᠠᠯᠭᠠᠬᠰᠠᠠ ᠮᠡᠳᠡᠬᠦᠯᠦᠯᠳᠡ ᠬᠢᠯᠭᠡᠵᠦ ᠦᠭᠭᠦᠭᠰᠡᠨ ᠦᠬᠡᠢ᠃ ︵ᠭᠤᠷᠪᠠ︶ ᠠᠮᠣ ᠪᠣᠳᠠᠭ᠎ᠠ ᠪᠣᠷᠣᠯᠠᠭᠤᠯᠬᠤ᠂ ᠪᠣᠯᠪᠠᠰᠣᠷᠠᠭᠤᠯᠬᠤ ᠪᠣᠯᠣᠨ ᠬᠤᠪᠢᠷᠠᠭᠤᠯᠬᠤ ᠠᠵᠢᠯ ᠬᠢᠵᠤ ᠪᠠᠶᠢᠬᠤ ᠡᠵᠡᠩᠨᠡᠭᠴᠢ ᠠᠮᠣ ᠪᠣᠳᠠᠭ᠎ᠠ ᠬᠤᠳᠠᠯᠳᠣᠨ ᠠᠪᠴᠤ ᠬᠠᠳᠠᠭᠠᠯᠠᠬᠤ ᠠᠵᠢᠯ ᠬᠢᠵᠤ ᠪᠠᠶᠢᠬᠤ ᠡᠵᠡᠩᠨᠡᠭᠴᠢ ᠠᠴᠠ ᠠᠮᠣ ᠪᠣᠳᠠᠭ᠎ᠠ ᠬᠤᠳᠠᠯᠳᠣᠨ ᠠᠪᠬᠤ ᠦᠶ᠎ᠠ ᠳᠤ ᠠᠮᠣ ᠪᠣᠳᠠᠭᠠᠨ ᠤ ᠶᠠᠰᠤ ᠴᠢᠨᠠᠷ ᠢ ᠰᠢᠯᠭᠠᠠ ᠪᠠᠶᠢᠴᠠᠭᠠᠬᠰᠠᠠ ᠮᠡᠳᠡᠬᠦᠯᠦᠯᠳᠡ ᠠᠪᠣᠭᠰᠠᠨ ᠦᠬᠡᠢ᠃       ᠭᠤᠴᠢᠨ ᠨᠡᠢᠮᠠᠳᠣᠭᠠᠷ ᠵᠦᠢᠯ ᠠᠮᠣ ᠪᠣᠳᠠᠭ᠎ᠠ᠂ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠶᠠᠰᠤ ᠴᠢᠨᠡᠷ ᠮᠡᠷᠭᠡᠵᠢᠯ ᠤᠨ ᠬᠢᠨᠠᠨ ᠬᠠᠮᠢᠶᠠᠷᠣᠯᠳᠠ ᠪᠣᠯᠣᠨ ᠡᠷᠡᠬᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ ᠬᠠᠮᠢᠶᠠᠷᠣᠯᠳᠠ ᠎ ᠶᠢᠨ ᠰᠠᠯᠠᠭ᠎ᠠ ᠮᠦᠴᠢᠷ ᠪᠣᠯᠣᠨ ᠠᠵᠢᠯᠳᠡᠳ ᠲᠣᠣᠷᠠᠬᠢ ᠠᠵᠢᠯᠯᠠᠭ᠎ᠠ ᠶᠢᠨ ᠨᠢᠬᠡ ᠶᠢ ᠦᠢᠯᠡᠳᠦᠭᠰᠡᠨ ᠦᠶᠡᠰ᠂ ᠬᠠᠣᠯᠢ ᠶᠣᠰᠣᠭᠠᠷ ᠰᠢᠭᠤᠳ ᠬᠠᠮᠢᠶᠠᠷᠴᠤ ᠪᠠᠶᠢᠭ᠎ᠠ ᠬᠦᠮᠦᠨ ᠪᠣᠶᠣ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ ᠰᠢᠢᠳᠭᠡᠯ ᠦᠭᠴᠤ︔ ᠶᠠᠯ᠎ᠠ ᠬᠢᠬᠦ ᠬᠡᠮᠵᠢᠶᠡᠡ ᠳᠤ ᠬᠦᠷᠦᠭᠰᠡᠡ ᠪᠤᠯ ᠬᠠᠣᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠄ ︵ᠨᠢᠬᠡ︶ ᠬᠠᠣᠯᠢ ᠪᠣᠰᠣ ᠪᠠᠷ ᠠᠮᠣ ᠪᠣᠳᠠᠭ᠎ᠠ ᠡᠵᠡᠩᠨᠡᠭᠴᠢ ᠶᠢᠨ ᠡᠩ ᠤᠨ ᠡᠵᠡᠩᠨᠡᠯᠳᠡ ᠶᠢᠨ ᠠᠵᠢᠯᠯᠠᠭ᠎ᠠ ᠳᠤ ᠬᠠᠤᠯᠢ ᠪᠣᠰᠣ ᠪᠠᠷ ᠭᠠᠷ ᠲᠦᠷᠦᠭᠰᠡᠨ᠃ ︵ᠬᠤᠶᠡᠷ︶ ᠬᠠᠣᠯᠢ ᠳᠤ ᠲᠣᠭᠳᠠᠭᠠᠭᠰᠠᠨ ᠨᠦᠬᠦᠴᠡᠯ ᠪᠣᠯᠣᠨ ᠲᠡᠰ ᠲᠡᠷᠠᠭ᠎ᠠ ᠪᠠᠷ ᠠᠮᠣ ᠪᠣᠳᠠᠭ᠎ᠠ ᠬᠤᠳᠠᠯᠳᠣᠨ ᠠᠪᠬᠤ ᠵᠦᠪᠰᠢᠶᠡᠷᠡᠯ ᠤᠨ ᠦᠨᠡᠮᠯᠡᠯ ᠲᠠᠷᠬᠠᠭᠠᠭᠰᠠᠨ ᠦᠬᠡᠢ᠃ ︵ᠭᠤᠷᠪᠠ︶ ᠠᠮᠣ ᠪᠣᠳᠠᠭᠠᠨ ᠤ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠭᠤᠶᠣᠴᠢᠯᠠᠬᠤ ᠳᠤ ᠬᠠᠭᠤᠷᠮᠠᠭ ᠭᠡᠷᠡᠴᠢ ᠬᠠᠩᠭᠠᠭᠰᠠᠨ᠃ ︵ᠲᠦᠷᠪᠡ︶ ᠬᠢᠨᠠᠨ ᠬᠠᠮᠢᠶᠠᠷᠬᠤ ᠠᠵᠢᠯ ᠳᠤ ᠡᠷᠭᠡ ᠪᠠᠨ ᠲᠣᠷ᠎ᠠ ᠪᠠᠷ ᠠᠰᠢᠭᠯᠠᠭᠰᠠᠨ᠂ ᠲᠣᠰᠢᠶᠠᠯ ᠢᠶᠠᠨ ᠭᠤᠳᠤᠭᠠᠬᠰᠠᠠ᠂ ᠬᠤᠪᠢ ᠶᠢᠨ ᠨᠠᠶᠢᠷ ᠳᠠᠯ᠎ᠠ ᠬᠠᠷᠠᠵᠤ ᠢᠶᠠᠷ ᠬᠠᠣᠯᠢ ᠶᠣᠰᠣ ᠶᠢ ᠵᠦᠷᠢᠴᠡᠭᠰᠡᠡ᠃       ᠭᠤᠴᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠡᠳ ᠤᠨ ᠵᠠᠰᠠᠭ ᠤᠨ ᠣᠷᠳᠣᠨ ᠪᠣᠯᠣᠨ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠣᠶᠣ ᠰᠢᠭᠤᠳ ᠬᠠᠷᠢᠭᠤᠴᠠᠯᠭ᠎ᠠ ᠲᠠᠢ ᠬᠦᠮᠥᠨ ᠲᠣᠰ ᠠᠷᠭ᠎ᠠ ᠶᠢ ᠵᠦᠷᠢᠴᠡᠵᠦ᠂ ᠲᠣᠣᠷᠠᠬᠢ ᠠᠵᠢᠯᠯᠠᠭ᠎ᠠ ᠶᠢ ᠦᠢᠯᠡᠳᠦᠭᠰᠡᠨ ᠪᠤᠯ᠂ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠳᠭᠡᠯ ᠦᠭᠴᠤ᠂ ᠶᠠᠯ᠎ᠠ ᠬᠢᠭᠰᠡᠳ ᠠᠴᠠ ᠬᠠᠣᠯᠢ ᠶᠣᠰᠣᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ ︵ᠨᠢᠬᠡ︶ ᠠᠮᠣ ᠪᠣᠳᠠᠭ᠎ᠠ ᠬᠤᠳᠠᠯᠳᠣᠨ ᠠᠪᠤᠬᠴᠢ ᠶᠢ ᠠᠯᠪᠠᠳᠠᠵᠤ᠂ ᠬᠠᠳᠠᠭᠠᠯᠠᠬᠤ ᠡᠵᠡᠩᠨᠡᠭᠴᠢ ᠠᠮᠣ ᠪᠣᠳᠠᠭ᠎ᠠ ᠬᠤᠳᠠᠯᠳᠣᠨ ᠠᠪᠬᠤ ᠦᠶᠡᠰ ᠠᠮᠣ ᠪᠣᠳᠠᠭ᠎ᠠ ᠬᠤᠳᠠᠯᠳᠣᠨ ᠠᠪᠣᠭᠴᠢ ᠠᠴᠠ᠂ ᠭᠠᠶᠢᠯᠢ ᠰᠦᠢᠳᠭᠡᠯ ᠪᠣᠶᠣ ᠪᠣᠰᠣᠳ ᠵᠦᠢᠯ ᠢ ᠣᠷᠣᠯᠠᠨ ᠰᠠᠭᠤᠯᠭᠠᠠ ᠠᠪᠤᠬᠰᠠᠠ ᠤᠷᠤᠯᠠᠵᠤ ᠲᠣᠰᠢᠶᠠᠯᠭᠠᠬᠰᠠᠨ᠃ ︵ᠬᠤᠶᠡᠷ︶ ᠵᠦᠪᠰᠢᠶᠡᠷᠡᠯ ᠦᠬᠡᠢ ᠪᠠᠷ ᠳᠤᠷ᠎ᠠ ᠪᠠᠷ ᠢᠶᠠᠨ ᠣᠯᠣᠰ ᠤᠨ ᠠᠮᠣ ᠪᠣᠳᠠᠭᠠᠨ ᠤ ᠠᠵᠣ ᠠᠬᠤᠢᠢᠯᠠᠯ ᠤᠨ ᠬᠦᠮᠥᠷᠭᠡᠯᠡᠵᠦ ᠬᠠᠳᠠᠭᠠᠯᠠᠬᠤ ᠲᠦᠬᠦᠭᠡᠷᠦᠮᠵᠢ ᠶᠢ ᠰᠢᠢᠳᠪᠦᠷᠢᠯᠡᠭᠰᠡᠡ᠃ ︵ᠭᠤᠷᠪᠠ︶ ᠠᠮᠣ ᠪᠣᠳᠠᠭᠠᠨ ᠤ ᠪᠡᠴᠢᠮ ᠪᠠᠶᠢᠳᠠᠯ ᠢ ᠠᠷᠭᠠᠤᠠᠬᠤ ᠲᠣᠭᠳᠠᠭᠠᠯ ᠢ ᠵᠦᠷᠢᠴᠡᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠬᠡᠢ᠃       ᠵᠢᠷᠭᠤᠳᠣᠭᠠᠷ ᠪᠦᠯᠦᠭ ᠲᠠᠭᠠᠯᠳᠣᠭᠤᠯᠣᠯ ᠲᠥᠷᠢᠮ       ᠲᠦᠴᠢᠳᠦᠭᠡᠷ ᠵᠦᠢᠯ ᠲᠣᠰ ᠠᠷᠭ᠎ᠠ ᠳᠤ ᠬᠡᠯᠡᠵᠦ ᠪᠠᠶᠢᠬᠤ ᠠᠮᠣ ᠪᠣᠳᠠᠭ᠎ᠠ ᠶᠢ ᠬᠤᠪᠢᠷᠠᠭᠤᠯᠬᠤ ᠭᠡᠲᠡᠭ ᠨᠢ ᠠᠮᠣ ᠪᠣᠳᠠᠭ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠦ᠂ ᠠᠵᠣ ᠦᠢᠯᠡᠳᠪᠦᠷᠢ ᠶᠢᠨ ᠦᠢᠯᠡᠳᠪᠦᠷᠢᠯᠡᠯ ᠵᠢᠴᠢ ᠠᠷᠢᠬᠢ ᠨᠡᠷᠡᠬᠦ᠂ ᠲᠡᠵᠢᠭᠡᠯ ᠪᠣᠷᠳᠤᠭ᠎ᠠ᠂ ᠲᠠᠵᠢᠭᠡᠨ ᠦᠷᠡᠵᠢᠬᠦᠯᠬᠦ ᠵᠡᠷᠭᠡ ᠳᠤ ᠭᠡᠷᠡᠭᠯᠡᠬᠦ ᠡᠵᠡᠩᠨᠡᠯᠳᠡ ᠶᠢᠨ ᠠᠵᠢᠯᠯᠠᠭ᠎ᠠ ᠶᠢ ᠵᠢᠭᠠᠵᠦ ᠪᠤᠢ᠃       ᠲᠦᠴᠢᠨ ᠨᠢᠬᠡᠳᠦᠭᠡᠷ ᠵᠦᠢᠯ ᠪᠣᠷᠴᠠᠭ᠂ ᠲᠣᠰᠣᠯᠢᠭ ᠳᠠᠷᠢᠮᠠᠯ᠂ ᠢᠳᠡᠭᠡᠨ ᠳᠤ ᠭᠡᠷᠡᠭᠯᠡᠬᠦ ᠤᠷᠭᠤᠮᠠᠯ ᠤᠨ ᠲᠣᠰᠣ ᠎ ᠶᠢ ᠪᠣᠯᠪᠠᠰᠣᠷᠠᠭᠤᠯᠬᠤ᠂ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠣᠷᠣᠭᠤᠯᠵᠦ ᠭᠠᠷᠭᠠᠬᠤ ᠵᠡᠷᠭᠡ ᠡᠵᠡᠩᠨᠡᠯᠳᠡ ᠶᠢᠨ ᠠᠵᠢᠯᠯᠠᠭ᠎ᠠ ᠳᠤ᠂ ᠲᠣᠰ ᠠᠷᠭ᠎ᠠ ᠶᠢᠨ ᠵᠢᠷᠭᠤᠳᠣᠭᠠᠷ ᠵᠦᠢᠯ ᠠᠴᠠ ᠠᠷᠪᠡᠨ ᠬᠤᠶᠠᠳᠣᠭᠠᠷ ᠵᠦᠢᠯ ᠎ ᠠᠴᠠ ᠭᠠᠳᠠᠨᠠᠬᠢ ᠲᠣᠭᠳᠠᠭᠠᠯ ᠪᠦᠷ ᠲᠣᠬᠢᠷᠠᠨ᠎ᠠ᠃       ᠲᠦᠴᠢᠨ ᠬᠤᠶᠠᠳᠣᠭᠠᠷ ᠵᠦᠢᠯ ᠲᠣᠰ ᠠᠷᠭ᠎ᠠ ᠶᠢ 2009 ᠣᠨ ᠤ 5 ᠰᠠᠷ᠎ᠠ ᠶᠢᠨ 1᠎ ᠤ ᠡᠳᠤᠷ ᠠᠴᠠ ᠡᠬᠢᠯᠡᠨ ᠭᠡᠷᠡᠭᠵᠢᠬᠦᠯᠦᠨ᠎ᠠ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号