ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠲᠠ ᠶᠢᠨ ᠲᠦᠷᠢᠮ
ᠨᠡᠶᠢᠲᠡᠯᠡᠭᠰᠡᠨ ᠴᠠᠭ᠄
2020-06-17
   ︵2003 ᠤᠨ ᠤ 9 ᠰᠠᠷ᠎ᠠ ᠶᠢᠨ 30᠎ ᠤ ᠡᠲᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠠᠪᠤᠳᠤᠭᠠᠷ ᠬᠤᠷᠠᠯ ᠠᠴᠠ ᠪᠠᠲᠤᠯᠠᠵᠤ᠂ 2008 ᠤᠨ ᠤ 7 ᠰᠠᠷ᠎ᠠ ᠶᠢᠨ 25᠎ ᠤ ᠡᠲᠦᠷ ᠤᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾᠎ ᠳᠤ ᠵᠠᠰᠠᠪᠤᠷᠢ ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠲᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠳᠤᠬᠳᠠᠭᠠᠯ ᠢ ᠦᠨᠳᠦᠰᠦᠯᠡᠨ ᠵᠠᠰᠠᠪᠦᠷᠢ ᠤᠷᠤᠭᠤᠯᠪᠠ︶      ᠨᠢᠭᠡᠳᠦᠭᠡᠷ ᠪᠦᠯᠦᠭ ᠶᠡᠷᠦᠩᠬᠡᠢ ᠲᠦᠷᠢᠮ    ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠦᠯᠳᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠦᠮᠴᠢᠳᠡᠨ ᠪᠠ ᠠᠳᠠᠯ ᠠᠬᠤᠢ ᠶᠢᠨ ᠦᠢᠢᠯᠡᠴᠢᠯᠡᠭᠡᠨ ᠤ ᠠᠵᠤ ᠠᠬᠤᠢᠢᠯᠠᠯ ᠤᠨ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠨ᠂ ᠠᠷᠠᠳ ᠲᠦᠮᠡᠨ ᠤ ᠠᠮᠢᠳᠤᠷᠠᠯ ᠪᠠ ᠠᠵᠢᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ᠂ ᠲᠦᠷᠦ ᠎ ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾᠎ ᠢ ᠦᠨᠳᠦᠰᠦᠯᠡᠨ᠂ ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠵᠤ᠂ ᠳᠤᠰ ᠳᠦᠷᠢᠮ ᠢ ᠳᠤᠬᠲᠠᠭᠠᠪᠠ᠃    ᠬᠤᠶᠠᠳᠤᠭᠠᠷ ᠵᠦᠢᠢᠯ ᠦᠪᠡᠷᠳᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠤᠷᠤᠨ ᠤ ᠲᠤᠳᠤᠷᠠᠬᠢ ᠠᠳᠠᠯ ᠠᠬᠤᠢ ᠶᠢᠨ ᠬᠠᠮᠢᠶᠠᠷᠦᠯᠳᠠ ᠵᠢᠴᠢ ᠲᠡᠭᠦᠨ ᠲᠠᠢ ᠬᠤᠯᠪᠤᠭᠳᠠᠬᠤ ᠬᠤᠯᠪᠤᠬᠳᠠᠯ ᠪᠦᠭᠦᠢ ᠠᠵᠢᠯᠯᠠᠭ᠎ᠠ ᠳᠤ ᠳᠤᠰ ᠲᠦᠷᠢᠮ ᠢ ᠭᠡᠷᠡᠭᠯᠡᠨ᠎ᠠ᠃    ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠲᠦᠭᠡᠨ ᠪᠠᠶᠢᠭᠤᠯᠤᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠦᠬᠦ ᠤᠷᠤᠨ ᠤ ᠠᠳᠠᠯ ᠠᠬᠤᠢ ᠎ ᠶᠢᠨ ᠬᠠᠮᠢᠶᠠᠷᠤᠯᠳᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃    ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠳᠤᠰ ᠵᠠᠰᠠᠬ ᠵᠠᠬᠢᠷᠭᠠᠨ ᠤ ᠤᠷᠤᠨ ᠤ ᠳᠤᠲᠤᠷᠠᠬᠢ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ ᠪᠤᠰᠤᠳ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠳᠤᠰ ᠳᠤᠰ ᠤᠨ ᠳᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ ᠠᠳᠠᠯ ᠠᠬᠤᠢ ᠶᠢᠨ ᠬᠠᠮᠢᠶᠠᠷᠤᠯᠳᠠ ᠶᠢᠨ ᠬᠤᠯᠪᠤᠬᠳᠠᠯ ᠪᠦᠬᠦᠢ ᠠᠵᠢᠯ ᠢ ᠬᠠᠤᠯᠢ ᠶᠤᠰᠤᠭᠠᠷ ᠰᠠᠶᠢᠳᠤᠷ ᠬᠢᠬᠦ ᠭᠡᠷᠡᠭᠳᠠᠢ᠃    ᠲᠦᠪᠠᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠬ ᠤᠨ ᠤᠷᠳᠤᠨ ᠠᠳᠠᠯ ᠠᠬᠤᠢ ᠶᠢᠨ ᠬᠠᠮᠢᠶᠠᠷᠤᠯᠳᠠ ᠎ ᠶᠢᠨ ᠠᠵᠢᠯ ᠲᠦᠷᠦᠯ ᠳᠠᠬᠢ ᠬᠠᠮᠢᠶᠠᠷᠤᠯᠳᠠ ᠪᠠᠨ ᠴᠢᠩᠭᠠᠳᠬᠠᠵᠤ᠂ ᠳᠤᠰᠬᠠᠢᠢᠵᠢᠬᠰᠠᠨ᠂ ᠨᠡᠶᠢᠭᠡᠮᠴᠢᠯᠡᠭᠰᠡᠨ ᠪᠠ ᠵᠠᠬ᠎ᠠ ᠳᠡᠯᠭᠡᠭᠦᠷᠴᠢᠯᠡᠭᠰᠡᠨ ᠠᠳᠠᠯ ᠠᠬᠤᠢ ᠶᠢᠨ ᠬᠠᠮᠢᠶᠠᠷᠤᠯᠳᠠ ᠶᠢᠨ ᠳᠤᠬᠳᠠᠴᠠ ᠶᠢ ᠪᠠᠶᠢᠭᠤᠯᠬᠤ ᠶᠢ ᠬᠦᠳᠦᠯᠦᠨ ᠵᠢᠯᠤᠭᠤᠳᠴᠣ᠂ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯ ᠲᠦᠷᠦᠯ ᠤᠨ ᠡᠷᠡᠬᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ᠃      ᠬᠤᠶᠠᠳᠤᠭᠠᠷ ᠪᠦᠯᠦᠭ ᠦᠮᠴᠢᠳᠠᠨ ᠵᠢᠴᠢ ᠦᠮᠴᠢᠳᠠᠳ ᠤᠨ ᠶᠡᠭᠡ ᠬᠤᠷᠠᠯ    ᠲᠠᠪᠤᠳᠤᠭᠠᠷ ᠵᠦᠢᠯ ᠭᠡᠷ ᠪᠠᠶᠢᠰᠢᠩ ᠤᠨ ᠦᠮᠴᠢᠯᠡᠭᠴᠢ ᠪᠤᠯ ᠦᠮᠴᠢᠳᠠᠨ ᠪᠤᠯᠤᠨ᠎ᠠ᠃    ᠦᠮᠴᠢᠳᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠤᠮᠳᠠᠬᠢ ᠡᠷᠬᠡ ᠪᠠ ᠡᠭᠦᠷᠭᠡ ᠶᠢ ᠲᠦᠷᠦ ᠎ ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾᠎ ᠤᠨ ᠬᠤᠯᠪᠤᠬᠳᠠᠯ ᠪᠦᠬᠦᠢ ᠲᠤᠭᠳᠠᠭᠠᠯ ᠶᠤᠰᠤᠭᠠᠷ ᠭᠡᠷᠡᠭᠵᠢᠭᠦᠯᠦᠨ᠎ᠡ᠃    ᠵᠢᠷᠭᠤᠳᠤᠭᠠᠷ ᠵᠦᠢᠯ ᠠᠳᠠᠯ ᠠᠬᠤᠢ ᠶᠢᠨ ᠭᠡᠷᠡᠭᠯᠡᠭᠴᠢ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠤᠮᠳᠠᠬᠢ ᠡᠷᠬᠡ᠂ ᠡᠭᠦᠷᠭᠡ ᠶᠢ ᠦᠮᠴᠢᠳᠡᠨ ᠪᠠ ᠭᠡᠷᠡᠭᠯᠡᠭᠴᠢ ᠠᠴᠠ ᠬᠡᠯᠡᠯᠴᠡᠨ ᠳᠤᠬᠳᠠᠭᠠᠨ᠎ᠠ᠂ ᠭᠡᠪᠡᠴᠦ ᠬᠠᠤᠯᠢ ᠴᠠᠭᠠᠵᠠ᠂ ᠬᠠᠤᠯᠢ ᠳᠤᠬᠲᠠᠭᠠᠯ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠤᠨ ᠬᠤᠯᠪᠤᠬᠳᠠᠯ ᠪᠦᠬᠦᠢ ᠳᠤᠬᠳᠠᠭᠠᠯ ᠢ ᠵᠦᠷᠢᠴᠡᠵᠦ ᠪᠤᠯᠬᠤ ᠦᠭᠡᠢ᠃    ᠠᠳᠠᠯ ᠠᠬᠤᠢ ᠶᠢᠨ ᠭᠡᠷᠡᠭᠯᠡᠭᠴᠢ ᠳᠤᠰ ᠲᠦᠷᠢᠮ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠢ ᠵᠦᠷᠢᠴᠡᠪᠡᠯ᠂ ᠬᠠᠮᠢᠶ᠎ᠠ ᠪᠦᠬᠦᠢ ᠦᠮᠴᠢᠳᠠᠨ ᠬᠤᠯᠪᠤᠬᠳᠠᠬᠰᠠᠨ ᠬᠠᠷᠢᠭᠤᠴᠠᠯᠭ᠎ᠠ ᠡᠭᠦᠷᠭᠡᠯᠡᠨ᠎ᠡ᠃     ᠳᠤᠯᠤᠳᠤᠭᠠᠷ ᠵᠦᠢᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠨᠢᠭᠡ ᠦᠮᠴᠢᠳᠡᠳ ᠤᠨ ᠶᠡᠭᠡ ᠬᠤᠷᠠᠯ ᠪᠠᠶᠢᠭᠤᠯᠤᠨ᠎ᠠ᠃    ᠦᠮᠴᠢᠳᠠᠳ ᠤᠨ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠪᠦᠬᠦ ᠦᠮᠴᠢᠳᠠᠨ ᠎ ᠢᠶᠠᠷ ᠪᠦᠷᠢᠯᠳᠦᠨ᠎ᠡ᠃    ᠦᠮᠴᠢᠳᠠᠳ ᠤᠨ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠪᠦᠬᠦ ᠦᠮᠴᠢᠳᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠤᠮᠳᠠᠬᠢ ᠬᠠᠤᠯᠢ ᠶᠤᠰᠤᠨ ᠤ ᠡᠷᠬᠡ ᠠᠰᠢᠬ ᠢ ᠲᠦᠯᠦᠭᠡᠯᠡᠨ ᠬᠠᠮᠠᠭᠠᠯᠠᠵᠤ᠂ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠤᠨ ᠳᠤᠬᠲᠠᠭᠠᠯ ᠶᠤᠰᠤᠭᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃     ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯ ᠠᠬᠤᠢ ᠶᠢᠨ ᠨᠡᠶᠢᠳᠠ ᠶᠢᠨ ᠬᠡᠷᠡᠭᠯᠡᠭᠡᠨ ᠤ ᠪᠡᠯᠡᠳᠭᠡᠯ ᠲᠦᠬᠦᠭᠡᠷᠦᠮᠵᠢ᠂ ᠪᠠᠷᠢᠯᠭ᠎ᠠ ᠶᠢᠨ ᠭᠡᠪᠴᠢᠶ᠎ᠡ᠂ ᠨᠡᠶᠢᠭᠡᠮ ᠲᠤᠭᠤᠷᠢᠬ ᠤᠨ ᠪᠦᠲᠦᠭᠡᠨ ᠪᠠᠶᠢᠭᠤᠯᠤᠯᠳᠠ ᠵᠡᠷᠭᠡ ᠬᠦᠴᠦᠨ ᠵᠦᠢᠯ ᠶᠤᠰᠤᠭᠠᠷ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠢ ᠳᠤᠬᠳᠠᠭᠠᠬᠤ ᠭᠡᠷᠡᠭᠲᠡᠢ᠃ ᠪᠤᠳᠠᠲᠠᠢ ᠠᠷᠭ᠎ᠠ ᠶᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠲᠦᠭᠡᠨ ᠪᠠᠶᠢᠭᠤᠯᠤᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠳᠤᠬᠲᠠᠭᠠᠨ᠎ᠠ᠃    ᠢᠵᠢ ᠪᠦᠷᠢᠲᠦᠬᠦᠯᠦᠭᠰᠡᠨ ᠲᠦᠭᠦᠭᠡᠷᠦᠮᠵᠢ ᠪᠦᠷᠢᠨ ᠪᠤᠰᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠨᠦᠬᠦᠴᠡᠯ ᠪᠦᠷᠢᠳᠦᠭᠰᠡᠨ ᠦᠭᠡᠢ ᠠᠳᠠᠯ ᠠᠬᠤᠢ ᠶᠢᠨ ᠤᠷᠤᠨ ᠢ ᠳᠤᠬᠠᠢ ᠶᠢᠨ ᠭᠠᠵᠠᠷ ᠤᠨ ᠠᠷᠠᠳ ᠤᠨ ᠵᠠᠰᠠᠬ ᠤᠨ ᠤᠷᠳᠤᠨ ᠎ ᠠᠴᠠ ᠵᠤᠬᠢᠶᠠᠨ ᠪᠠᠶᠢᠭᠤᠯᠤᠨ ᠵᠠᠰᠠᠵᠤ᠂ ᠨᠦᠬᠦᠴᠡᠯ ᠡᠭᠦᠳᠴᠦ ᠠᠳᠠᠯ ᠠᠬᠤᠢ ᠶᠢᠨ ᠬᠠᠮᠢᠶᠠᠷᠤᠯᠳᠠ ᠶᠢ ᠠᠯᠬᠤᠮ ᠠᠯᠬᠤᠮ ᠢᠶᠠᠷ ᠭᠡᠷᠡᠭᠵᠢᠬᠦᠯᠦᠨ᠎ᠡ᠃     ᠶᠢᠰᠦᠳᠦᠭᠡᠷ ᠵᠦᠢᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠨᠢᠭᠡᠨᠳᠠ ᠳᠤᠰᠢᠶᠠᠨ ᠭᠡᠷᠡᠭᠵᠢᠬᠦᠯᠦᠭᠰᠡᠨ ᠠᠳᠠᠯ ᠠᠬᠤᠢ ᠶᠢᠨ ᠪᠠᠷᠢᠯᠭ᠎ᠠ ᠶᠢᠨ ᠲᠠᠯᠠᠪᠠᠢ 50%᠎ ᠠᠴᠠ ᠳᠡᠭᠡᠭᠰᠢ ᠭᠦᠷᠦᠭᠰᠡᠨ᠂ ᠡᠰᠡᠭᠦᠯ᠎ᠡ ᠨᠢᠭᠡᠨᠳᠡ ᠳᠤᠰᠢᠶᠠᠨ ᠭᠡᠷᠡᠭᠵᠢᠭᠦᠯᠦᠭᠰᠡᠨ ᠠᠳᠠᠯ ᠠᠬᠤᠢ ᠶᠢᠨ ᠪᠠᠷᠢᠯᠭ᠎ᠠ ᠶᠢᠨ ᠲᠠᠯᠠᠪᠠᠢ ᠶᠢᠨ 30% ᠭᠦᠷᠴᠦ 50%᠎ ᠲᠤ ᠭᠦᠷᠦᠭᠰᠡᠨ ᠦᠭᠡᠢ ᠪᠤᠯᠪᠠᠴᠤ ᠬᠡᠷᠡᠭᠯᠡᠭᠡᠳ ᠨᠢᠭᠡᠨᠳᠡ ᠬᠤᠶᠠᠷ ᠵᠢᠯ ᠬᠡᠲᠦᠷᠡᠭᠰᠡᠨ ᠪᠤᠯ᠂ ᠦᠮᠴᠢᠳᠠᠳ ᠶᠡᠭᠡ ᠬᠤᠷᠠᠯ ᠢ ᠪᠡᠯᠡᠳᠭᠡᠨ ᠪᠠᠶᠢᠭᠤᠯᠵᠤ ᠪᠤᠯᠤᠨ᠎ᠠ᠃     ᠠᠷᠪᠠᠳᠤᠭᠠᠷ ᠵᠦᠢᠯ ᠠᠳᠠᠯᠢ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠦᠮᠴᠢᠳᠡᠨ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠵᠡᠭᠡᠯᠢ ᠭᠤᠳᠤᠮᠵᠢ ᠎ ᠶᠢᠨ ᠭᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠤ ᠵᠢᠯᠤᠭᠤᠳᠤᠯᠭ᠎ᠠ ᠳᠤᠤᠷ᠎ᠠ᠂ ᠦᠮᠴᠢᠳᠡᠳ ᠤᠨ ᠲᠦᠯᠦᠭᠡᠯᠡᠩᠴᠢ᠂ ᠪᠦᠲᠦᠭᠡᠨ ᠪᠠᠶᠢᠭᠤᠯᠤᠭᠰᠠᠨ ᠨᠢᠭᠡᠴᠠ ︵ᠨᠡᠶᠢᠳᠡ ᠶᠢᠨ ᠤᠷᠤᠨ ᠰᠠᠭᠤᠴᠠ ᠶᠢ ᠬᠤᠳᠠᠯᠳᠤᠬᠰᠠᠨ ᠨᠢᠭᠡᠴᠠ ᠶᠢ ᠪᠠᠭᠲᠠᠭᠠᠨ᠎ᠠ︶᠎ ᠠᠴᠠ ᠦᠮᠴᠢᠲᠡᠳ ᠤᠨ ᠶᠡᠭᠡ ᠬᠤᠷᠠᠯ ᠤᠨ ᠪᠡᠯᠡᠳᠭᠡᠯ ᠠᠵᠢᠯ ᠤᠨ ᠲᠤᠭᠤᠢᠢᠯᠠᠩ ᠪᠠᠶᠢᠭᠤᠯᠵᠤ᠂ ᠦᠮᠴᠢᠲᠡᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ ᠬᠠᠷᠢᠭᠤᠴᠠᠭᠤᠯᠤᠨ᠎ᠠ᠃    ᠪᠡᠯᠡᠳᠭᠡᠯ ᠠᠵᠢᠯ ᠤᠨ ᠲᠤᠭᠤᠢᠢᠯᠠᠩ ᠳᠠᠬᠢ ᠦᠮᠴᠢᠳᠡᠳ ᠤᠨ ᠲᠦᠯᠦᠭᠡᠯᠡᠭᠴᠢ ᠶᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠪᠦᠬᠦ ᠦᠮᠴᠢᠳᠡᠠ ᠳᠤᠬᠲᠠᠬᠰᠠᠨ ᠬᠤᠭᠤᠴᠠᠭᠠᠨ ᠳᠤᠲᠤᠷ᠎ᠠ ᠲᠠᠨᠢᠯᠴᠠᠭᠤᠯᠤᠨ ᠰᠤᠩᠭᠤᠨ᠎ᠠ᠃    ᠪᠡᠯᠡᠳᠭᠡᠯ ᠠᠵᠢᠯ ᠤᠨ ᠳᠤᠭᠤᠢᠢᠯᠠᠩ ᠤᠨ ᠪᠦᠷᠢᠯᠳᠦᠭᠦᠨ ᠤ ᠨᠡᠷᠡᠰ ᠢ ᠳᠤᠬᠳᠠᠭᠠᠬᠰᠠᠨ ᠤ ᠲᠠᠷᠠᠭ᠎ᠠ᠂ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠪᠢᠴᠢᠭ ᠢᠶᠠᠷ ᠵᠠᠷᠯᠠᠨ᠎ᠠ᠃    ᠠᠷᠪᠠᠨ ᠨᠢᠭᠡᠳᠦᠭᠡᠷ ᠵᠦᠢᠯ ᠪᠡᠯᠡᠳᠭᠡᠯ ᠠᠵᠢᠯ ᠤᠨ ᠳᠤᠭᠤᠢᠢᠯᠠᠩ ᠪᠠᠶᠢᠭᠤᠯᠤᠬᠳᠠᠬᠰᠠᠨ ᠡᠳᠦᠷ ᠠᠴᠠ ᠪᠠᠨ ᠡᠬᠢᠯᠡᠨ 30 ᠡᠳᠦᠷ ᠤᠨ ᠳᠤᠲᠤᠷ᠎ᠠ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠤ ᠵᠢᠯᠤᠭᠤᠳᠤᠯᠭ᠎ᠠ ᠳᠤᠤᠷ᠎ᠠ᠂ ᠦᠮᠴᠢᠳᠡᠨ ᠢ ᠵᠤᠬᠢᠶᠠᠨ ᠪᠠᠶᠢᠭᠤᠯᠤᠨ ᠠᠩᠬᠠᠳᠤᠭᠠᠷ ᠤᠳᠠᠭ᠎ᠠ ᠶᠢᠨ ᠦᠮᠴᠢᠳᠡᠳ ᠤᠨ ᠶᠡᠭᠡ ᠬᠤᠷᠠᠯ ᠢ ᠬᠤᠷᠠᠯᠳᠤᠭᠤᠯᠬᠤ ᠶᠢᠨ ᠬᠠᠮᠳᠤ ᠬᠠᠮᠢᠶᠠᠷᠤᠯᠳᠠ ᠶᠢᠨ ᠭᠡᠷ᠎ᠡ ᠳᠤᠬᠳᠠᠭᠠᠯ᠂ ᠦᠮᠴᠢᠳᠡᠳ ᠤᠨ ᠶᠡᠭᠡ ᠬᠤᠷᠠᠯ ᠤᠨ ᠭᠡᠷᠡᠭ ᠵᠦᠪᠯᠡᠬᠦ ᠲᠦᠷᠢᠮ ᠢ ᠪᠠᠳᠤᠯᠠᠵᠤ᠂ ᠦᠮᠴᠢᠳᠡᠳ ᠤᠨ ᠵᠦᠪᠯᠡᠯ ᠢ ᠰᠤᠩᠭᠤᠨ ᠭᠠᠷᠭᠠᠬᠤ ᠬᠡᠷᠡᠭᠲᠠᠢ᠃    ᠨᠢᠭᠡ ᠯᠡ ᠦᠮᠴᠢᠳᠡᠨ ᠲᠠᠢ ᠪᠤᠶᠤ ᠡᠰᠡᠭᠦᠯ᠎ᠠ ᠦᠮᠴᠢᠳᠡᠨ ᠤ ᠲᠤᠭ᠎ᠠ ᠨᠡᠯᠢᠶᠡᠳ ᠴᠦᠬᠡᠨ ᠪᠦᠭᠡᠳ ᠪᠦᠬᠦ ᠦᠮᠴᠢᠳᠡᠨ ᠦᠮᠴᠢᠳᠡᠳ ᠤᠨ ᠶᠡᠭᠡ ᠬᠤᠷᠠᠯ ᠦᠯᠦ ᠪᠠᠶᠢᠭᠤᠯᠬᠤ ᠶᠢ ᠰᠠᠨᠠᠯ ᠨᠢᠭᠡᠲᠠᠢ ᠵᠦᠪᠰᠢᠶᠡᠷᠡᠭᠰᠡᠨ ᠪᠤᠯ ᠦᠮᠴᠢᠳᠡᠳ ᠬᠠᠮᠳᠤᠪᠠᠷ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠤᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠨ᠎ᠠ᠃    ᠠᠷᠪᠠᠨ ᠬᠤᠶᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯ ᠨᠢ ᠬᠠᠮᠳᠤ ᠪᠠᠷ ᠵᠦᠪᠯᠡᠬᠦ ᠬᠡᠯᠪᠡᠷᠢ ᠎ ᠶᠢ ᠬᠡᠷᠡᠭᠯᠡᠵᠤ ᠪᠤᠯᠤᠨ᠎ᠠ᠂ ᠪᠠᠰᠠ ᠪᠢᠴᠢᠭ ᠢᠶᠠᠷ ᠰᠠᠨᠠᠯ ᠬᠤᠷᠢᠶᠠᠬᠤ ᠬᠡᠯᠪᠡᠷᠢ ᠶᠢ ᠬᠡᠷᠡᠭᠯᠡᠵᠦ ᠪᠤᠯᠤᠨ᠎ᠠ᠃ ᠭᠡᠪᠡᠴᠦ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠲᠤᠰᠬᠠᠢ ᠦᠮᠴᠢᠯᠡᠭᠰᠡᠨ ᠲᠠᠯᠠᠪᠠᠢ ᠨᠢ ᠪᠠᠷᠢᠯᠭ᠎ᠠ ᠶᠢᠨ ᠶᠡᠷᠦᠩᠬᠡᠢ ᠲᠠᠯᠠᠪᠠᠢ ᠶᠢᠨ ᠬᠠᠭᠠᠰ ᠠᠴᠠ ᠳᠠᠪᠠᠭᠰᠠᠨ ᠦᠮᠴᠢᠳᠡᠳ ᠪᠦᠭᠡᠳ ᠪᠦᠬᠦ ᠬᠦᠮᠦᠨ ᠤ ᠲᠤᠭ᠎ᠠ ᠶᠢᠨ ᠬᠠᠭᠠᠰ ᠎ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠤᠷᠤᠯᠴᠠᠬᠤ ᠭᠡᠷᠡᠭᠲᠡᠢ᠃    ᠦᠮᠴᠢᠳᠡᠳ ᠦᠮᠴᠢᠳᠡᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠬᠤ ᠭᠡᠷᠡᠭᠲᠡᠢ᠃ ᠤᠴᠢᠷ ᠰᠢᠯᠲᠠᠭᠠᠨ ᠎ ᠲᠠᠢ ᠤᠷᠤᠯᠴᠠᠵᠤ ᠲᠡᠶᠢᠯᠬᠦ ᠦᠭᠡᠢ ᠪᠤᠯ᠂ ᠤᠷᠤᠯᠠᠬᠴᠢ ᠳᠤ ᠪᠢᠴᠢᠭ ᠢᠶᠠᠷ ᠨᠠᠶᠢᠳᠠᠵᠤ ᠤᠷᠤᠯᠴᠠᠭᠤᠯᠵᠤ ᠪᠤᠯᠤᠨ᠎ᠠ᠃    ᠠᠷᠪᠠᠨ ᠭᠤᠷᠪᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠠᠴᠠ ᠳᠤᠬᠳᠠᠭᠠᠯ ᠭᠠᠷᠭᠠᠬᠤ ᠳᠤ ᠳᠤᠰᠬᠠᠢ ᠦᠮᠴᠢᠯᠡᠭᠰᠡᠨ ᠳᠠᠯᠠᠪᠠᠢ ᠨᠢ ᠪᠠᠷᠢᠯᠭ᠎ᠠ ᠶᠢᠨ ᠶᠡᠷᠦᠩᠬᠡᠢ ᠲᠠᠯᠠᠪᠠᠢ ᠶᠢᠨ ᠬᠠᠭᠠᠰ ᠠᠴᠠ ᠳᠠᠪᠠᠭᠰᠠᠨ ᠦᠮᠴᠢᠳᠡᠳ ᠪᠦᠭᠡᠳ ᠪᠦᠬᠦ ᠬᠦᠮᠦᠨ ᠤ ᠳᠤᠭ᠎ᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠦᠪᠰᠢᠶᠡᠷᠡᠭᠦᠯᠬᠦ ᠭᠡᠷᠡᠭᠲᠡᠢ᠃ ᠦᠮᠴᠢᠳᠡᠳ ᠤᠨ ᠶᠡᠭᠡ ᠬᠤᠷᠠᠯ ᠠᠴᠠ ᠲᠤᠰᠬᠠᠢ ᠲᠦᠷᠦᠯ ᠤᠨ ᠵᠠᠰᠠᠨ ᠰᠡᠯᠪᠢᠬᠦ ᠪᠡᠯᠡ ᠮᠦᠡᠭᠬᠦ ᠶᠢ ᠴᠤᠬᠯᠭᠤᠯᠬᠤ ᠪᠠ ᠭᠡᠷᠡᠭᠯᠡᠬᠦ ᠵᠢᠴᠢ ᠪᠠᠷᠢᠯᠭ᠎ᠠ ᠪᠤᠯᠤᠨ ᠲᠠᠭᠠᠯᠳᠠ ᠲᠦᠭᠦᠭᠡᠷᠦᠮᠵᠢ ᠶᠢ ᠦᠭᠡᠷᠡᠴᠢᠯᠡᠨ ᠪᠠᠶᠢᠭᠤᠯᠬᠤ᠂ ᠳᠠᠬᠢᠨ ᠪᠠᠷᠢᠬᠤ ᠳᠤᠬᠳᠠᠭᠠᠯ ᠭᠠᠷᠭᠠᠬᠤ ᠳᠤ ᠳᠤᠰᠬᠠᠢ ᠦᠮᠴᠢᠯᠡᠭᠰᠡᠨ ᠲᠠᠯᠠᠪᠠᠢ ᠨᠢ ᠪᠠᠷᠢᠯᠭ᠎ᠠ ᠶᠢᠨ ᠶᠡᠷᠦᠩᠬᠡᠢ ᠲᠠᠯᠠᠪᠠᠢ ᠎ ᠶᠢᠨ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠪᠦᠭᠡᠳ ᠪᠦᠬᠦ ᠬᠦᠮᠦᠨ ᠤ ᠲᠤᠭ᠎ᠠ ᠶᠢᠨ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠦᠪᠰᠢᠶᠡᠷᠡᠭᠦᠯᠬᠦ ᠭᠡᠷᠡᠭᠲᠡᠢ᠃    ᠦᠮᠴᠢᠳᠡᠳ ᠤᠨ ᠶᠡᠭᠡ ᠬᠤᠷᠠᠯ ᠤᠨ ᠳᠤᠬᠳᠠᠭᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠪᠦᠬᠦ ᠦᠮᠴᠢᠳᠡᠨ ᠳᠤ ᠬᠢᠵᠠᠭᠠᠷᠯᠠᠬᠤ ᠬᠦᠴᠦᠨ ᠲᠠᠢ᠃    ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠠᠴᠠ ᠭᠠᠷᠭᠠᠬᠰᠠᠨ ᠳᠤᠬᠳᠠᠭᠠᠯ ᠨᠢ ᠦᠮᠴᠢᠳᠡᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠪᠠᠯ᠂ ᠬᠤᠬᠢᠷᠠᠯ ᠠᠮᠰᠠᠭᠰᠠᠨ ᠦᠮᠴᠢᠳᠡᠨ ᠠᠷᠠᠳ ᠤᠨ ᠰᠢᠭᠦᠬᠦ ᠬᠤᠷᠢᠶ᠎ᠠ ᠳᠤ ᠡᠷᠭᠦᠳᠡᠯ ᠭᠠᠷᠭᠠᠵᠣ ᠬᠦᠴᠦᠨ ᠦᠭᠡᠢ ᠪᠤᠯᠭᠠᠵᠤ ᠪᠤᠯᠤᠨ᠎ᠠ᠃    ᠠᠷᠪᠠᠨ ᠲᠦᠷᠪᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯ ᠢ ᠳᠤᠬᠳᠠᠬᠰᠠᠨ ᠬᠤᠭᠤᠴᠠᠭᠠᠨ ᠤ ᠬᠤᠷᠠᠯ ᠪᠠ ᠲᠦᠷ ᠴᠠᠬ ᠤᠨ ᠬᠤᠷᠠᠯ ᠭᠡᠵᠦ ᠬᠤᠪᠢᠶᠠᠨ᠎ᠠ᠃    ᠦᠮᠴᠢᠳᠡᠳ ᠤᠨ ᠶᠡᠭᠡ ᠬᠤᠷᠠᠯ ᠤᠨ ᠳᠤᠬᠳᠠᠬᠰᠠᠨ ᠬᠤᠭᠤᠴᠠᠭᠠᠨ ᠤ ᠬᠤᠷᠠᠯ ᠢ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠤᠨ ᠳᠤᠬᠳᠠᠭᠠᠯ ᠶᠤᠰᠤᠭᠠᠷ ᠦᠮᠴᠢᠳᠡᠳ ᠤᠨ ᠵᠦᠪᠯᠡᠯ ᠠᠴᠠ ᠵᠤᠬᠢᠶᠠᠨ ᠪᠠᠶᠢᠭᠤᠯᠤᠨ ᠬᠤᠷᠠᠯᠳᠤᠭᠤᠯᠬᠤ ᠭᠡᠷᠡᠭᠲᠡᠢ᠃ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠮᠴᠢᠳᠡᠳ ᠤᠨ ᠵᠦᠪᠯᠡᠯ ᠎ ᠠᠴᠠ ᠴᠠᠬ ᠲᠤᠬᠠᠢ ᠳᠤᠨᠢ ᠦᠮᠴᠢᠳᠡᠳ ᠤᠨ ᠶᠡᠭᠡ ᠬᠤᠷᠠᠯ ᠤᠨ ᠲᠦᠷ ᠴᠠᠬ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠬᠤ ᠬᠡᠷᠡᠭᠲᠡᠢ᠃    ︵ᠨᠢᠭᠡ︶ 20%᠎ ᠠᠴᠠ ᠳᠡᠭᠡᠭᠰᠢ ᠦᠮᠴᠢᠳᠡᠳ ᠳᠤᠷᠠᠳᠤᠬᠰᠠᠨ︔    ︵ᠬᠤᠷᠠᠷ︶ ᠬᠦᠨᠳᠤ ᠴᠢᠬᠤᠯᠠ ᠪᠤᠶᠤ ᠪᠠᠴᠢᠮ ᠤᠴᠢᠷ ᠭᠠᠷᠴᠤ ᠴᠠᠬ ᠳᠤᠬᠠᠢ ᠳᠤᠨᠢ ᠰᠢᠢᠳᠪᠦᠷᠢᠯᠡᠬᠦ ᠴᠢᠬᠤᠯᠠ ᠎ ᠲᠠᠢ ᠪᠤᠯᠤᠬᠰᠠᠨ︔    ︵ᠭᠤᠷᠪᠠ︶ ᠦᠮᠴᠢᠳᠡᠳ ᠤᠨ ᠶᠡᠭᠡ ᠬᠤᠷᠠᠯ ᠤᠨ ᠭᠡᠷᠡᠭ ᠵᠦᠪᠯᠡᠬᠦ ᠲᠦᠷᠢᠮ ᠪᠤᠶᠤ ᠬᠠᠮᠢᠶᠠᠷᠤᠯᠳᠠ ᠶᠢᠨ ᠭᠡᠷ᠎ᠡ ᠳᠤᠬᠳᠠᠭᠠᠯ ᠳᠤ ᠳᠤᠬᠳᠠᠭᠠᠬᠰᠠᠨ ᠪᠤᠰᠤᠳ ᠪᠠᠶᠢᠳᠠᠯ᠃    ᠦᠮᠴᠢᠳᠡᠳ ᠤᠨ ᠶᠡᠭᠡ ᠬᠤᠷᠠᠯ ᠤᠨ ᠲᠦᠷ ᠴᠠᠬ ᠤᠨ ᠬᠤᠷᠠᠯ ᠢ ᠬᠤᠷᠠᠯᠳᠤᠭᠤᠯᠬᠤ ᠴᠢᠬᠤᠯᠠ ᠲᠠᠢ ᠪᠠᠶᠢᠳᠠᠯ ᠡᠭᠦᠰᠪᠡᠯ᠂ ᠦᠮᠴᠢᠳᠡᠳ ᠤᠨ ᠵᠦᠪᠯᠡᠯ ᠬᠤᠷᠠᠯ ᠬᠢᠵᠥ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ ᠪᠠᠶᠢᠪᠠᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠮᠴᠢᠳᠡᠳ ᠤᠨ ᠵᠦᠪᠯᠡᠯ ᠢ ᠵᠠᠷᠯᠢᠬᠳᠠᠨ ᠬᠤᠭᠤᠴᠠᠭ᠎ᠠ ᠬᠢᠵᠠᠭᠠᠷᠯᠠᠨ ᠬᠤᠷᠠᠯᠳᠤᠭᠤᠬᠤ ᠬᠡᠷᠡᠭᠲᠡᠢ᠃    ᠠᠷᠪᠠᠨ ᠲᠠᠪᠤᠳᠤᠭᠠᠷ ᠵᠦᠢᠯ ᠦᠮᠴᠢᠳᠡᠳ ᠤᠨ ᠵᠦᠪᠯᠠᠯ ᠪᠤᠯ ᠦᠮᠴᠢᠳᠡᠳ ᠤᠨ ᠶᠡᠭᠡ ᠬᠤᠷᠠᠯ ᠤᠨ ᠭᠦᠢᠴᠡᠳᠭᠡᠬᠦ ᠪᠠᠶᠢᠭᠤᠯᠤᠮᠵᠢ ᠮᠦᠨ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠭᠡᠷᠡᠭᠲᠡᠢ᠃    ᠦᠮᠴᠢᠳᠡᠳ ᠤᠨ ᠵᠦᠪᠯᠡᠯ ᠤᠨ ᠬᠦᠮᠦᠨ ᠤ ᠲᠤᠭ᠎ᠠ ᠶᠢ ᠦᠮᠴᠢᠳᠡᠳ ᠤᠨ ᠶᠡᠭᠡ ᠬᠤᠷᠠᠯ ᠠᠴᠠ ᠪᠤᠳᠠᠲᠤ ᠪᠠᠶᠢᠳᠠᠯ ᠎ ᠢᠶᠠᠨ ᠦᠨᠳᠦᠰᠦᠯᠡᠨ᠂ 3 — 9 ᠬᠦᠮᠦᠨ ᠤ ᠬᠤᠭᠤᠷᠤᠨᠳᠤᠬᠢ ᠰᠤᠨᠳᠤᠭᠤᠢ ᠲᠤᠭ᠎ᠠ ᠪᠠᠷ ᠳᠤᠬᠳᠠᠭᠠᠬᠤ ᠭᠡᠷᠡᠭᠲᠡᠢ᠃    ᠦᠮᠴᠢᠳᠡᠳ ᠤᠨ ᠵᠦᠪᠯᠡᠯ ᠨᠢ ᠦᠮᠴᠢᠳᠡᠳ ᠤᠨ ᠵᠦᠪᠯᠡᠯ ᠤᠨ ᠭᠡᠰᠢᠬᠦᠨ ᠤ ᠳᠤᠲᠤᠷ᠎ᠠ ᠠᠴᠠ ᠡᠷᠬᠢᠯᠡᠭᠴᠢ 1 ᠬᠦᠮᠦᠨ᠂ ᠲᠡᠳ᠋ ᠡᠷᠬᠢᠯᠡᠭᠴᠢ 1 — 2 ᠬᠦᠮᠦᠨ ᠢ ᠰᠤᠩᠭᠤᠨ ᠭᠠᠷᠭᠠᠬᠤ ᠭᠡᠷᠡᠭᠲᠡᠢ᠃    ᠦᠮᠴᠢᠳᠡᠳ ᠤᠨ ᠵᠦᠪᠯᠡᠯ ᠤᠨ ᠭᠡᠰᠢᠬᠦᠨ ᠲᠤᠰ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠯᠠᠯ ᠳᠤ ᠳᠤᠰᠢᠶᠠᠯ ᠬᠠᠪᠰᠤᠷᠭᠠᠵᠤ ᠪᠤᠯᠬᠤ ᠦᠭᠡᠢ᠃    ᠦᠮᠴᠢᠳᠡᠳ ᠤᠨ ᠵᠦᠪᠯᠡᠯ ᠰᠤᠩᠭᠤᠬᠳᠠᠨ ᠭᠠᠷᠤᠬᠰᠠᠨ ᠡᠲᠦᠷ ᠠᠴᠠ ᠡᠬᠢᠯᠡᠨ 30 ᠡᠲᠦᠷ ᠤᠨ ᠳᠤᠲᠤᠷ᠎ᠠ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠵᠡᠭᠡᠯᠢ ᠭᠤᠳᠤᠮᠵᠢ ᠎ ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠳᠤ ᠳᠠᠩᠰᠠᠯᠠᠭᠤᠯᠬᠤ ᠬᠡᠷᠡᠭᠲᠡᠢ᠃    ᠠᠷᠪᠠᠨ ᠵᠢᠷᠭᠤᠳᠤᠭᠠᠷ ᠵᠦᠢᠯ ᠦᠮᠴᠢᠳᠡᠳ ᠤᠨ ᠵᠦᠪᠯᠡᠯ ᠤᠨ ᠬᠡᠰᠢᠬᠦᠨ ᠨᠢ ᠳᠤᠤᠷᠠᠬᠢ ᠨᠦᠬᠦᠴᠡᠯ ᠳᠤ ᠨᠡᠶᠢᠴᠡᠬᠦ ᠬᠡᠷᠡᠭᠲᠡᠢ᠃    ︵ᠨᠢᠭᠡ︶ ᠳᠤᠰ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠢᠷᠭᠡᠨ ᠤ ᠦᠢᠯᠡ ᠠᠵᠢᠯᠯᠠᠭ᠎ᠠ ᠶᠢᠨ ᠪᠦᠷᠢᠨ ᠴᠢᠳᠠᠪᠦᠷᠢ ᠲᠠᠢ ᠦᠮᠴᠢᠳᠡᠨ ᠪᠠᠶᠢᠬᠤ ᠬᠡᠷᠡᠭᠲᠡᠢ︔    ︵ᠬᠤᠶᠠᠷ︶ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠢ ᠵᠢᠷᠦᠮᠯᠡᠬᠤ ᠬᠡᠷᠡᠭᠲᠡᠢ︔    ︵ᠭᠤᠷᠪᠠ︶ ᠦᠮᠴᠢᠳᠡᠨ ᠤ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ᠂ ᠬᠠᠮᠢᠶᠠᠶᠤᠯᠳᠠ ᠶᠢᠨ ᠭᠡᠷ᠎ᠠ ᠳᠤᠬᠳᠠᠭᠠᠯ ᠢ ᠵᠢᠷᠦᠮᠯᠡᠵᠦ᠂ ᠦᠮᠴᠢᠳᠡᠨ ᠤ ᠡᠬᠦᠷᠭᠡ ᠪᠠᠨ ᠵᠢᠱᠢᠶᠡᠴᠢ ᠪᠠᠷ ᠭᠦᠢᠴᠡᠳᠭᠡᠬᠦ ᠬᠡᠷᠡᠭᠲᠡᠢ︔    ︵ᠲᠦᠷᠪᠡ︶ ᠤᠯᠠᠨ ᠨᠡᠶᠢᠳᠡ ᠶᠢᠨ ᠠᠵᠢᠯ ᠦᠢᠯᠡᠰ ᠢ ᠬᠠᠯᠠᠮᠵᠢᠯᠠᠵᠤ᠂ ᠬᠠᠷᠢᠭᠤᠴᠠᠯᠭᠠᠲᠤ ᠤᠪᠤᠷ ᠴᠢᠩᠭ᠎ᠠ᠂ ᠲᠦᠪ ᠭᠤᠤᠯᠴᠢ ᠴᠢᠭᠡᠴᠢ ᠰᠢᠳᠣᠷᠭᠤ᠂ ᠨᠡᠶᠢᠭᠡᠮ ᠨᠡᠶᠢᠳᠡ ᠳᠤ ᠢᠳᠡᠭᠡᠭᠦᠯᠬᠦ ᠬᠦᠴᠦᠨ ᠲᠠᠢ ᠪᠠᠶᠢᠬᠤ ᠭᠡᠷᠡᠭᠲᠡᠢ︔    ︵ᠲᠠᠪᠤ︶ ᠵᠤᠬᠢᠬᠤ ᠵᠤᠬᠢᠶᠠᠨ ᠪᠠᠶᠢᠭᠤᠯᠬᠤ ᠴᠢᠳᠠᠪᠤᠷᠢ ᠲᠠᠢ ᠪᠠᠶᠢᠬᠤ ᠬᠡᠷᠡᠭᠲᠡᠢ︔    ︵ᠵᠢᠷᠭᠤᠭ᠎ᠠ︶ ᠴᠢᠬᠤᠯᠠ ᠪᠦᠬᠦᠢ ᠠᠵᠢᠯᠯᠠᠬᠤ ᠴᠠᠬ ᠲᠠᠢ ᠪᠠᠶᠢᠬᠤ ᠬᠡᠷᠡᠭᠲᠡᠢ᠃    ᠠᠷᠪᠠᠨ ᠳᠤᠯᠤᠳᠤᠭᠠᠷ ᠵᠦᠢᠯ ᠦᠮᠴᠢᠳᠡᠨ ᠤ ᠵᠦᠪᠯᠡᠯ ᠤᠨ ᠭᠤᠷᠪᠠᠨ ᠤ ᠨᠢᠭᠡ ᠠᠴᠠ ᠳᠡᠭᠡᠭᠰᠢᠬᠢ ᠭᠡᠰᠢᠬᠦᠨ ᠎ ᠠᠴᠠ ᠳᠤᠷᠠᠳᠤᠯᠭ᠎ᠠ ᠭᠠᠷᠭᠠᠬᠤ ᠪᠤᠶᠤ ᠦᠮᠴᠢᠳᠡᠨ ᠤ ᠵᠦᠪᠯᠡᠯ ᠤᠨ ᠡᠷᠬᠢᠯᠡᠭᠴᠢ ᠴᠢᠬᠤᠯᠠ ᠲᠠᠢ ᠭᠡᠵᠦ ᠦᠵᠡᠪᠡᠯ᠂ ᠴᠠᠬ ᠳᠤᠬᠠᠢ ᠳᠤᠨᠢ ᠦᠮᠴᠢᠳᠡᠨ ᠤ ᠵᠦᠪᠯᠡᠯ ᠤᠨ ᠬᠤᠷᠠᠯ ᠬᠢᠬᠦ ᠭᠡᠷᠡᠭᠲᠡᠢ᠃    ᠠᠷᠪᠠᠨ ᠨᠠᠶᠢᠮᠠᠳᠤᠭᠠᠷ ᠵᠦᠢᠯ ᠦᠮᠴᠢᠳᠡᠨ ᠤ ᠵᠦᠪᠯᠡᠯ ᠤᠨ ᠬᠤᠷᠠᠯ ᠳᠤ ᠬᠠᠭᠠᠰ ᠠᠴᠠ ᠳᠡᠭᠡᠭᠰᠢᠬᠢ ᠭᠡᠰᠢᠬᠦᠨ ᠤᠷᠤᠯᠴᠠᠬᠤ ᠭᠡᠷᠡᠭᠲᠡᠢ᠂ ᠳᠤᠬᠳᠠᠭᠠᠯ ᠭᠠᠷᠭᠠᠬᠤ ᠳᠤ ᠵᠠᠪᠠᠯ ᠪᠦᠬᠦ ᠭᠡᠰᠢᠬᠦᠳ ᠤᠨ ᠬᠠᠭᠠᠰ ᠠᠴᠠ ᠳᠡᠭᠡᠭᠰᠢᠬᠢ ᠳᠤᠭ᠎ᠠ ᠎ ᠪᠠᠷ ᠵᠦᠪᠰᠢᠶᠡᠷᠡᠬᠦᠯᠬᠦ ᠬᠡᠷᠡᠭᠲᠡᠢ᠃    ᠦᠮᠴᠢᠳᠡᠳ ᠤᠨ ᠵᠦᠪᠯᠡᠯ ᠤᠨ ᠳᠤᠬᠳᠠᠭᠠᠯ ᠢᠶᠠᠨ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠶᠤᠯᠳᠠ ᠎ ᠶᠢᠨ ᠤᠷᠤᠨ ᠳᠤ ᠴᠠᠬ ᠲᠤᠬᠠᠢ ᠳᠤᠨᠢ ᠵᠠᠷᠯᠠᠬᠤ ᠬᠡᠷᠡᠭᠲᠡᠢ᠃    ᠠᠷᠪᠠ ᠶᠢᠰᠦᠳᠦᠭᠡᠷ ᠵᠦᠢᠯ ᠦᠮᠴᠢᠳᠡᠳ ᠤᠨ ᠵᠦᠪᠯᠡᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠬᠠᠪᠰᠤᠷᠤᠨ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢᠶᠠᠨ ᠳᠤᠬᠳᠠᠭᠰᠠᠨ ᠬᠤᠭᠤᠴᠠᠭᠠᠨ ᠳᠤ ᠳᠤᠰᠢᠶᠠᠬᠤ ᠦᠭᠡᠢ ᠦᠮᠴᠢᠳᠡᠨ ᠢ ᠱᠠᠭᠠᠷᠳᠠᠵᠥ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ ᠨᠢ ᠬᠤᠭᠤᠴᠠᠭ᠎ᠠ ᠬᠢᠵᠠᠭᠠᠷᠯᠠᠨ ᠲᠤᠰᠢᠶᠠᠯᠭᠠᠬᠤ ᠬᠡᠷᠡᠭᠲᠡᠢ᠃    ᠬᠤᠷᠢᠳᠤᠭᠠᠷ ᠵᠦᠢᠯ ᠦᠮᠴᠢᠳᠡᠳ ᠤᠨ ᠵᠦᠪᠯᠡᠯ ᠤᠨ ᠳᠤᠰᠢᠶᠠᠯ ᠤᠨ ᠬᠤᠭᠤᠴᠠᠭ᠎ᠠ ᠲᠠᠭᠤᠰᠬᠤ ᠠᠴᠠ 2 ᠰᠠᠷ᠎ᠠ ᠎ ᠶᠢᠨ ᠡᠮᠦᠨ᠎ᠠ᠂ ᠦᠮᠴᠢᠳᠡᠳ ᠤᠨ ᠶᠡᠭᠡ ᠬᠤᠷᠠᠯ ᠬᠢᠵᠤ᠂ ᠦᠮᠴᠢᠳᠡᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ ᠬᠢᠬᠦ ᠬᠡᠷᠡᠭᠲᠡᠢ᠃ ᠬᠤᠭᠤᠴᠠᠭ᠎ᠠ ᠨᠢ ᠬᠡᠳᠦᠷᠡᠭᠡᠳ ᠬᠤᠭᠤᠴᠠᠭ᠎ᠠ ᠰᠤᠯᠢᠭᠰᠠᠠ ᠦᠭᠡᠢ ᠪᠠᠶᠢᠪᠠᠯ᠂ ᠭᠡᠷ ᠭᠠᠵᠡᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠵᠢᠯᠳᠠᠨ ᠲᠤᠮᠢᠯᠠᠵᠤ ᠳᠡᠳᠡᠨ ᠤ ᠬᠤᠭᠤᠴᠠᠭ᠎ᠠ ᠰᠤᠯᠢᠬᠤ ᠠᠵᠢᠯ ᠢ ᠵᠢᠯᠤᠭᠤᠳᠤᠭᠤᠯᠬᠤ ᠬᠡᠷᠡᠭᠲᠡᠢ᠃    ᠤᠤᠯ ᠤᠨ ᠦᠮᠴᠢᠳᠡᠳ ᠤᠨ ᠵᠦᠪᠯᠡᠯ ᠨᠢ ᠲᠤᠰᠢᠶᠠᠯ ᠤᠨ ᠬᠤᠭᠤᠴᠠᠭ᠎ᠠ ᠭᠦᠢᠴᠡᠭᠰᠡᠨ ᠡᠲᠦᠷ ᠠᠴᠠ 10 ᠡᠲᠦᠷ ᠤᠨ ᠲᠤᠳᠤᠷ᠎ᠠ᠂ ᠬᠠᠳᠠᠭᠠᠯᠠᠨ ᠬᠠᠮᠢᠶᠠᠷᠴᠤ ᠪᠠᠶᠢᠭ᠎ᠠ ᠳᠠᠩᠰᠠ ᠮᠠᠲ᠋ᠧᠷᠢᠶᠡᠯ᠂ ᠲᠠᠮᠠᠭ᠎ᠠ ᠵᠢᠴᠢ ᠪᠤᠰᠤᠳ ᠦᠮᠴᠢᠳᠡᠳ ᠤᠨ ᠶᠡᠭᠡ ᠬᠤᠷᠠᠯ ᠳᠤ ᠦᠮᠴᠢᠯᠡᠭᠳᠡᠬᠦ ᠡᠳ᠋ ᠪᠤᠳᠠᠰ ᠢᠶᠠᠨ ᠰᠢᠨ᠎ᠡ ᠨᠢᠭᠡ ᠬᠤᠭᠤᠴᠠᠭᠠᠨ ᠤ ᠦᠮᠴᠢᠳᠡᠳ ᠤᠨ ᠵᠦᠪᠯᠡᠯ ᠳᠤ ᠲᠤᠰᠢᠶᠠᠬᠤ ᠶᠢᠨ ᠬᠠᠮᠳᠤ ᠲᠤᠰᠢᠶᠠᠬᠤ ᠪᠠ ᠬᠦᠯᠢᠶᠡᠨ ᠠᠪᠬᠤ ᠠᠵᠢᠯ ᠢᠶᠠᠨ ᠰᠠᠶᠢᠳᠤᠷ ᠬᠢᠬᠦ ᠭᠡᠷᠡᠭᠲᠡᠢ᠃    ᠬᠤᠷᠢᠨ ᠨᠢᠭᠡᠳᠦᠭᠡᠷ ᠵᠦᠢᠯ ᠦᠮᠴᠢᠳᠡᠳ ᠤᠨ ᠵᠦᠪᠯᠡᠯ ᠤᠨ ᠭᠡᠰᠢᠬᠦᠨ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠮᠴᠢᠳᠡᠳ ᠤᠨ ᠶᠡᠭᠡ ᠬᠤᠷᠠᠯ ᠢᠶᠠᠷ ᠵᠦᠪᠰᠢᠶᠷᠡᠬᠦᠯᠵᠤ᠂ ᠳᠡᠭᠦᠨ ᠤ ᠦᠮᠴᠢᠳᠡᠳ ᠤᠨ ᠵᠦᠪᠯᠡᠯ ᠤᠨ ᠭᠡᠰᠢᠬᠦᠨ ᠤ ᠬᠢᠷᠢ ᠭᠡᠮ ᠢ ᠨᠢ ᠬᠦᠴᠦᠨ ᠦᠭᠡᠢ ᠪᠤᠯᠭᠠᠨ᠎ᠠ᠃    ︵ᠨᠢᠭᠡ︶ ᠠᠳᠠᠯ ᠠᠬᠤᠢ ᠪᠠᠨ ᠪᠤᠰᠤᠳ ᠳᠤ ᠰᠢᠯᠵᠢᠬᠦᠯᠦᠨ ᠦᠭᠭᠦᠭᠰᠡᠨ᠂ ᠠᠯᠠᠭ᠎ᠠ ᠪᠤᠯᠤᠬᠰᠠᠨ ᠵᠡᠷᠭᠡ ᠰᠢᠯᠳᠠᠭᠠᠨ ᠠᠴᠠ ᠪᠤᠯᠵᠤ ᠦᠮᠴᠢᠳᠡᠨ ᠪᠢᠰᠢ ᠪᠤᠯᠤᠬᠰᠠᠨ︔    ︵ᠬᠤᠶᠠᠷ︶ ᠦᠮᠴᠢᠳᠡᠳ ᠤᠨ ᠵᠦᠪᠯᠡᠯ ᠤᠨ ᠬᠤᠷᠠᠯ ᠳᠤ ᠰᠢᠯᠳᠠᠭᠠᠨ ᠦᠭᠡᠢ ᠪᠠᠷ ᠵᠠᠯᠭᠠᠪᠡᠷ 3᠎ ᠠᠴᠠ ᠳᠡᠭᠡᠭᠰᠢ ᠤᠳᠠᠭ᠎ᠠ ᠣᠷᠣᠯᠴᠠᠭᠰᠠᠨ ᠦᠭᠡᠢ︔    ︵ᠭᠤᠷᠪᠠ︶ ᠡᠪᠡᠳᠴᠢᠨ ᠡᠮᠬᠡᠭ ᠵᠡᠷᠬᠡ ᠰᠢᠯᠳᠠᠭᠠᠨ ᠠᠴᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠪᠠᠨ ᠠᠯᠳᠠᠬᠰᠠᠨ︔    ︵ᠲᠦᠷᠪᠡ︶ ᠶᠠᠯ᠎ᠠ ᠬᠢᠭᠰᠡᠨ ᠠᠵᠢᠯᠯᠠᠭ᠎ᠠ ᠲᠠᠢ︔    ︵ᠲᠠᠪᠤ︶ ᠪᠢᠴᠢᠭ ᠤᠨ ᠬᠡᠯᠪᠡᠷᠢ ᠪᠠᠷ ᠦᠮᠴᠢᠳᠡᠳ ᠤᠨ ᠶᠡᠭᠡ ᠬᠤᠷᠠᠯ ᠳᠤ ᠲᠤᠰᠢᠶᠠᠯ ᠠᠴᠠ ᠪᠠᠨ ᠪᠠᠭᠤᠬᠤ ᠡᠷᠭᠦᠳᠡᠯ ᠭᠠᠷᠭᠠᠬᠰᠠᠨ︔    ︵ᠵᠢᠷᠭᠤᠭ᠎ᠠ︶ ᠦᠮᠴᠢᠳᠡᠨ ᠤ ᠡᠭᠦᠷᠭᠡ ᠪᠠᠨ ᠭᠦᠢᠴᠡᠳᠭᠡᠬᠦ ᠶᠢ ᠳᠡᠪᠴᠢᠭᠰᠡᠨ︔    ︵ᠳᠤᠯᠤᠭ᠎ᠠ︶ ᠪᠤᠰᠤᠳ ᠰᠢᠯᠳᠠᠭᠠᠨ ᠠᠴᠠ ᠪᠤᠯᠵᠤ ᠦᠮᠴᠢᠳᠡᠳ ᠤᠨ ᠵᠦᠪᠯᠠᠯ ᠤᠨ ᠬᠡᠰᠢᠬᠦᠨ ᠪᠤᠯᠬᠤ ᠳᠤ ᠲᠦᠭᠦᠮ ᠦᠭᠡᠢ ᠪᠤᠯᠤᠬᠰᠠᠨ᠃    ᠬᠤᠷᠢᠨ ᠬᠤᠶᠠᠳᠤᠭᠠᠷ ᠵᠦᠢᠯ ᠠᠳᠠᠯ ᠠᠬᠤᠢ ᠶᠢᠨ ᠬᠠᠮᠢᠶᠠᠶᠤᠯᠳᠠ ᠶᠢᠨ ᠤᠷᠤᠨ ᠦᠭᠡᠷᠡᠴᠢᠯᠡᠭᠳᠡᠬᠦ ᠵᠡᠷᠭᠡ ᠰᠢᠯᠳᠠᠭᠠᠨ ᠠᠴᠠ ᠪᠤᠯᠵᠤ ᠦᠮᠴᠢᠳᠡᠳ ᠤᠨ ᠶᠡᠭᠡ ᠬᠤᠷᠠᠯ ᠳᠠᠷᠬᠠᠬᠤ ᠪᠤᠯᠤᠬᠰᠠᠨ ᠪᠤᠯ ᠳᠠᠷᠬᠠᠬᠤ ᠠᠴᠠ ᠡᠮᠦᠨ᠎ᠠ᠂ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠨᠢ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠤ ᠵᠢᠯᠤᠭᠤᠳᠤᠯᠭ᠎ᠠ ᠪᠠ ᠬᠢᠨᠠᠯᠳᠠ ᠳᠤᠤᠷ᠎ᠠ᠂ ᠦᠮᠴᠢᠳᠡᠳ ᠤᠨ ᠬᠠᠮᠳᠤ ᠶᠢᠨ ᠡᠳ᠋ ᠬᠦᠷᠦᠩᠭᠡ ᠎ ᠪᠠᠨ ᠢᠯᠭᠠᠷᠠᠭᠤᠯᠤᠨ ᠪᠤᠳᠤᠬᠤ ᠪᠠ ᠳᠠᠩᠰᠠ ᠮᠠᠲ᠋ᠧᠷᠢᠶᠠᠯ ᠢᠶᠠᠨ ᠰᠢᠯᠵᠢᠬᠦᠯᠦᠨ ᠳᠤᠰᠢᠶᠠᠬᠤ ᠠᠵᠢᠯ ᠢᠶᠠᠨ ᠰᠠᠶᠢᠳᠤᠷ ᠬᠢᠬᠦ ᠭᠡᠷᠡᠭᠲᠡᠢ᠃    ᠬᠤᠷᠢᠨ ᠭᠤᠷᠪᠠᠳᠤᠭᠠᠷ ᠵᠦᠢᠯ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠨᠢ ᠳᠤᠳᠤᠭᠠᠳᠤ ᠎ ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠵᠢᠯᠴᠠᠵᠤ᠂ ᠰᠠᠭᠤᠭᠠᠯᠢ ᠠᠷᠠᠳ ᠤᠨ ᠵᠦᠪᠯᠡᠯ ᠲᠠᠢ ᠬᠠᠮᠳᠣᠷᠠᠨ᠂ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠬᠠᠮᠲᠤᠪᠠᠷ ᠰᠠᠶᠢᠳᠤᠷ ᠬᠢᠬᠦ ᠬᠡᠷᠡᠭᠲᠡᠢ᠃    ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠬᠤᠯᠪᠤᠬᠳᠠᠯ ᠪᠦᠬᠦᠢ ᠰᠠᠭᠤᠭᠠᠯᠢ ᠠᠷᠠᠳ ᠤᠨ ᠵᠦᠪᠯᠡᠯ ᠲᠠᠢ ᠬᠠᠮᠵᠢᠯᠴᠠᠨ᠂ ᠬᠠᠤᠯᠢ ᠶᠤᠰᠤᠭᠠᠷ ᠦᠪᠡᠷᠳᠡᠭᠡᠨ ᠵᠠᠰᠠᠬᠤ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠠᠭᠤᠭᠠᠯᠢ ᠠᠷᠠᠳ ᠤᠨ ᠵᠦᠪᠯᠡᠯ ᠤᠨ ᠠᠵᠢᠯ ᠢᠶᠠᠨ ᠦᠷᠨᠢᠭᠦᠯᠬᠦ ᠶᠢ ᠳᠡᠮᠵᠢᠬᠦ ᠶᠢᠨ ᠬᠠᠮᠲᠤ ᠳᠡᠳᠡᠨ ᠤ ᠵᠢᠯᠤᠭᠤᠳᠤᠯᠭ᠎ᠠ ᠪᠠ ᠬᠢᠨᠠᠯᠳᠠ ᠶᠢ ᠬᠦᠯᠢᠶᠡᠬᠦ ᠬᠡᠷᠡᠭᠲᠡᠢ᠃    ᠤᠷᠤᠨ ᠰᠠᠭᠤᠴᠠ ᠶᠢᠨ ᠳᠤᠭᠤᠷᠢᠭ ᠤᠨ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠠᠯ ᠤᠨ ᠭᠠᠷᠭᠠᠬᠰᠠᠨ ᠳᠤᠬᠳᠠᠭᠠᠯ ᠢᠶᠠᠨ ᠬᠤᠯᠪᠤᠬᠳᠠᠯ ᠪᠦᠬᠦᠢ ᠰᠠᠭᠤᠭᠠᠯᠢ ᠠᠷᠠᠳ ᠤᠨ ᠵᠦᠪᠯᠠᠯ ᠳᠤ ᠮᠡᠳᠡᠭᠳᠡᠬᠦ ᠶᠢᠨ ᠬᠠᠮᠳᠦ ᠰᠠᠭᠤᠭᠠᠯᠢ ᠠᠷᠠᠳ ᠤᠨ ᠵᠦᠪᠯᠠᠯ ᠤᠨ ᠰᠠᠨᠠᠭᠤᠯᠭ᠎ᠠ ᠶᠢ ᠰᠤᠨᠤᠰᠬᠤ ᠬᠡᠷᠡᠭᠲᠡᠢ᠃    ᠬᠤᠷᠢᠨ ᠲᠦᠷᠪᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠪᠠ ᠦᠮᠴᠢᠳᠡᠳ ᠤᠨ ᠵᠦᠪᠯᠡᠯ ᠤᠨ ᠠᠵᠢᠯ ᠦᠷᠨᠢᠬᠦᠯᠬᠦ ᠵᠠᠷᠤᠳᠠᠯ ᠢ ᠪᠦᠬᠦ ᠦᠮᠴᠢᠳᠡᠳ ᠡᠭᠦᠷᠭᠡᠯᠡᠨ᠎ᠡ᠂ ᠵᠠᠷᠤᠳᠠᠯ ᠮᠦᠡᠭᠬᠦᠨ ᠤ ᠬᠤᠷᠠᠮᠳᠤᠭᠤᠯᠭ᠎ᠠ᠂ ᠬᠠᠮᠢᠶᠠᠷᠤᠯᠳᠠ᠂ ᠭᠡᠷᠡᠭᠯᠡᠭᠡ ᠶᠢ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠳᠤ ᠳᠤᠬᠳᠠᠭᠠᠬᠤ ᠬᠡᠷᠡᠭᠲᠡᠢ᠃    ᠦᠮᠴᠢᠳᠡᠳ ᠤᠨ ᠶᠡᠭᠡ ᠬᠤᠷᠠᠯ ᠪᠠ ᠦᠮᠴᠢᠳᠡᠳ ᠤᠨ ᠵᠦᠪᠯᠡᠯ ᠤᠨ ᠠᠵᠢᠯ ᠤᠨ ᠵᠠᠷᠤᠳᠠᠯ ᠤᠨ ᠬᠡᠷᠡᠭᠯᠡᠭᠡ ᠶᠢᠨ ᠪᠠᠶᠢᠳᠠᠯ ᠢᠶᠠᠨ ᠳᠤᠬᠳᠠᠬᠰᠠᠨ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠨᠡᠶᠢᠳᠡᠯᠡᠵᠤ᠂ ᠦᠮᠴᠢᠳᠡᠳ ᠤᠨ ᠬᠢᠨᠠᠯᠳᠠ ᠶᠢ ᠬᠦᠯᠢᠶᠡᠬᠦ ᠭᠡᠷᠡᠭᠲᠡᠢ᠃    ᠬᠤᠷᠢᠨ ᠲᠠᠪᠤᠳᠤᠭᠠᠷ ᠵᠦᠢᠯ ᠦᠮᠴᠢᠳᠡᠳ ᠤᠨ ᠵᠦᠪᠯᠡᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠳᠠᠩᠰᠠᠯᠠᠭᠤᠯᠤᠬᠰᠠᠨ ᠭᠡᠷᠡᠴᠢ ᠪᠠᠷ ᠢᠶᠠᠨ᠂ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠤᠨ ᠳᠤᠬᠳᠠᠭᠠᠯ ᠶᠤᠰᠤᠭᠠᠷ ᠲᠠᠮᠠᠭ᠎ᠠ ᠰᠡᠶᠢᠯᠤᠬᠦᠯᠵᠤ ᠪᠤᠯᠤᠨ᠎ᠠ᠃ ᠬᠤᠷᠢᠨ ᠵᠢᠷᠭᠤᠳᠤᠭᠠᠷ ᠵᠦᠢᠯ ᠠᠳᠠᠯ ᠠᠬᠤᠢ ᠪᠠᠨ ᠪᠤᠰᠤᠳ ᠲᠤ ᠰᠢᠯᠵᠢᠬᠦᠯᠦᠨ ᠦᠭᠭᠦᠭᠰᠡᠨ ᠤ ᠲᠠᠷᠠᠭ᠎ᠠ᠂ ᠤᠤᠯ ᠤᠨ ᠦᠮᠴᠢᠳᠡᠨ ᠰᠢᠯᠵᠢᠬᠦᠯᠦᠨ ᠦᠭᠬᠦ ᠭᠠᠷᠳᠠᠮ ᠢᠶᠠᠨ ᠭᠦᠢᠴᠡᠳᠭᠡᠭᠰᠡᠨ ᠠᠴᠠ 30 ᠡᠳᠦᠷ ᠤᠨ ᠲᠤᠳᠤᠷ᠎ᠠ ᠦᠮᠴᠢᠳᠡᠨ ᠤ ᠵᠦᠪᠯᠡᠯ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢ ᠳᠤ ᠮᠡᠳᠡᠭᠳᠡᠬᠦ ᠬᠡᠷᠡᠭᠲᠡᠢ᠃      ᠭᠤᠷᠪᠠᠳᠤᠭᠠᠷ ᠪᠦᠯᠦᠭ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠳᠠ    ᠬᠤᠷᠢᠨ ᠳᠤᠯᠤᠳᠤᠭᠠᠷ ᠵᠦᠢᠯ ᠦᠮᠴᠢᠳᠡᠨ᠂ ᠦᠮᠴᠢᠳᠡᠳ ᠤᠨ ᠶᠡᠭᠡ ᠬᠤᠷᠠᠯ ᠨᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠯᠠᠯ ᠢ ᠰᠤᠩᠭᠤᠨ ᠤᠷᠢᠬᠤ ᠠᠴᠠ ᠡᠮᠦᠨ᠎ᠠ᠂ ᠪᠦᠲᠦᠭᠡᠨ ᠪᠠᠶᠢᠭᠤᠯᠤᠭᠰᠠᠨ ᠨᠢᠭᠡᠴᠠ ᠎ ᠠᠴᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠰᠤᠩᠭᠤᠨ ᠤᠷᠢᠬᠰᠠᠨ ᠪᠤᠯ ᠤᠯᠤᠰ ᠪᠤᠶᠤ ᠦᠪᠡᠷᠳᠡᠭᠡᠨ ᠵᠠᠰᠠᠬᠤ ᠤᠷᠤᠨ ᠤ ᠳᠤᠬᠳᠠᠭᠠᠬᠰᠠᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠦᠯᠢᠭᠡᠷ ᠳᠡᠪᠲᠡᠷ ᠢ ᠦᠨᠳᠦᠰᠦᠯᠡᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ ᠲᠤᠬᠳᠠᠬᠤ ᠭᠡᠷᠡᠭᠲᠡᠢ᠃    ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠠᠳᠠᠯ ᠠᠬᠤᠢ ᠶᠢᠨ ᠦᠨᠳᠤᠰᠤᠨ ᠪᠠᠶᠢᠳᠠᠯ᠂ ᠬᠤᠶᠠᠷ ᠡᠳᠡᠭᠡᠳ ᠤᠨ ᠡᠷᠬᠡ ᠡᠭᠦᠷᠭᠡ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ ᠦᠢᠯᠡᠴᠢᠯᠡᠭᠡᠨ ᠤ ᠰᠦᠢᠳᠭᠡᠯ ᠪᠠ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠶᠢ ᠪᠠᠭᠳᠠᠭᠠᠬᠤ ᠬᠡᠷᠡᠭᠲᠡᠢ᠃    ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠠᠬᠤ ᠤᠷᠤᠨ ᠠᠴᠠ ᠪᠦᠳᠦᠭᠡᠨ ᠪᠠᠶᠢᠭᠤᠯᠤᠭᠰᠠᠨ ᠨᠢᠭᠡᠴᠠ ᠳᠤ ᠭᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠬᠢᠭᠡᠳ ᠠᠳᠠᠯ ᠠᠬᠤᠢ ᠶᠢᠨ ᠬᠠᠮᠢᠶᠠᠷᠤᠯᠳᠠ ᠶᠢ ᠰᠠᠯᠭᠠᠬᠤ ᠵᠠᠷᠴᠢᠮ ᠶᠤᠰᠤᠭᠠᠷ ᠲᠠᠭᠠᠭᠠᠴᠢᠯᠠᠯᠳᠠ ᠵᠠᠷᠯᠠᠵᠤ ᠲᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠭᠡᠮ ᠎ ᠲᠠᠢ ᠠᠳᠠᠯ ᠠᠬᠤᠢ ᠶᠢᠨ ᠬᠠᠮᠢᠶᠠᠷᠤᠯᠳᠠ ᠶᠢᠨ ᠠᠵᠤ ᠠᠬᠤᠢᠢᠯᠠᠯ ᠢ ᠰᠤᠩᠭᠤᠨ ᠤᠷᠢᠬᠤ ᠶᠢ ᠰᠠᠨᠠᠭᠠᠴᠢᠯᠠᠨ᠎ᠠ᠃    ᠤᠷᠤᠨ ᠰᠠᠭᠤᠴᠠ ᠶᠢᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠨᠢᠭᠡᠴᠠ᠂ ᠡᠷᠬᠡᠪᠰᠢ ᠳᠠᠭᠠᠭᠠᠴᠢᠯᠠᠯᠳᠠ ᠵᠠᠷᠯᠠᠵᠤ ᠳᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠬᠡᠮ ᠲᠠᠢ ᠠᠳᠠᠯ ᠠᠬᠤᠢ ᠎ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠤ ᠭᠡᠷᠡᠭᠲᠡᠢ᠃ ᠳᠠᠭᠠᠭᠠᠴᠢᠯᠠᠯᠳᠠ ᠬᠦᠯᠢᠶᠡᠬᠦ ᠬᠦᠮᠦᠨ ᠎ ᠨᠢ 3᠎ ᠠᠴᠠ ᠴᠦᠬᠡᠨ ᠪᠤᠶᠤ ᠤᠷᠤᠨ ᠰᠠᠭᠤᠴᠠ ᠶᠢᠨ ᠬᠡᠪᠴᠢᠶ᠎ᠡ ᠨᠢ 2 ᠲᠦᠮᠡᠨ ᠲᠡᠭᠰᠢ ᠲᠦᠷᠪᠡᠯᠵᠢᠨ ᠮᠧᠲᠷ ᠠᠴᠠ ᠪᠠᠭ᠎ᠠ ᠪᠠᠶᠢᠪᠠᠯ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠦᠭᠰᠡᠨ ᠤ ᠲᠠᠷᠠᠭ᠎ᠠ᠂ ᠬᠡᠯᠡᠯᠴᠡᠭᠡᠷ ᠤᠨ ᠬᠡᠯᠪᠡᠷᠢ ᠪᠠᠷ ᠵᠤᠬᠢᠴᠠᠩᠭᠤᠢ ᠬᠢᠷᠢ ᠭᠡᠮ ᠲᠠᠢ ᠠᠳᠠᠯ ᠠᠬᠤᠢ ᠎ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠵᠤ ᠪᠤᠯᠤᠨ᠎ᠠ᠃    ᠬᠤᠷᠢ ᠶᠢᠰᠦᠳᠦᠭᠡᠷ ᠵᠦᠢᠯ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠳᠠᠭᠠᠭᠠᠴᠢᠯᠠᠯᠳᠠ ᠵᠠᠷᠯᠠᠬᠤ ᠶᠢ ᠢᠯᠡ ᠳᠠᠭᠠᠭᠠᠴᠢᠯᠠᠯᠳᠠ ᠵᠠᠷᠯᠠᠬᠤ ᠪᠠ ᠤᠷᠢᠵᠤ ᠳᠠᠭᠠᠭᠠᠴᠢᠯᠠᠯᠳᠠ ᠵᠠᠷᠯᠠᠬᠤ ᠭᠡᠵᠦ ᠬᠤᠪᠢᠶᠠᠨ᠎ᠠ᠃    ᠳᠠᠭᠠᠭᠠᠴᠢᠯᠠᠯᠳᠠ ᠵᠠᠷᠯᠠᠬᠤ ᠬᠦᠮᠦᠨ ᠢᠯᠡ ᠳᠠᠭᠠᠭᠠᠴᠢᠯᠠᠯᠳᠠ ᠵᠠᠷᠯᠠᠬᠤ ᠬᠡᠯᠪᠡᠷᠢ ᠶᠢ ᠬᠡᠷᠡᠭᠯᠡᠬᠦ ᠳᠡᠭᠡᠨ ᠤᠯᠠᠨ ᠨᠡᠶᠢᠳᠡ ᠶᠢᠨ ᠵᠠᠭᠤᠴᠢᠯᠠᠭᠤᠷ ᠵᠢᠴᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠬᠳᠠᠭᠠᠬᠰᠠᠨ ᠰᠦᠯᠵᠢᠶᠡᠨ ᠤ ᠦᠷᠳᠡᠭᠡᠨ ᠳᠤ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠨᠡᠶᠢᠳᠡᠯᠡᠬᠦ ᠭᠡᠷᠡᠭᠲᠡᠢ᠃    ᠳᠠᠭᠠᠭᠠᠴᠢᠯᠠᠯᠳᠠ ᠵᠠᠷᠯᠠᠬᠤ ᠠᠯᠪᠠᠨ ᠵᠠᠷ ᠲᠤ ᠳᠠᠭᠠᠭᠠᠴᠢᠯᠠᠯᠳᠠ ᠵᠠᠷᠯᠠᠬᠤ ᠬᠦᠮᠦᠨ ᠤ ᠨᠡᠷᠡᠶᠢᠳᠦᠯ ᠪᠠ ᠬᠠᠶ᠋ᠢᠬ᠂ ᠳᠠᠭᠠᠭᠠᠴᠢᠯᠠᠯᠳᠠ ᠵᠠᠷᠯᠠᠬᠤ ᠲᠦᠷᠦᠯ ᠵᠦᠢᠯ ᠤᠨ ᠦᠨᠳᠦᠰᠦᠨ ᠪᠠᠶᠢᠳᠠᠯ ᠵᠢᠴᠢ ᠳᠠᠭᠠᠭᠠᠴᠢᠯᠠᠯᠳᠠ ᠵᠠᠷᠯᠠᠬᠤ ᠪᠢᠴᠢᠭ ᠮᠠᠲ᠋ᠧᠷᠢᠶᠠᠯ ᠢ ᠤᠯᠤᠬᠰᠠᠨ ᠠᠷᠭ᠎ᠠ ᠵᠡᠷᠭᠡ ᠵᠦᠢᠯᠡᠰ ᠢ ᠳᠤᠳᠤᠷᠬᠠᠢᠢᠯᠠᠬᠤ ᠬᠡᠷᠡᠭᠲᠡᠢ᠃    ᠳᠠᠭᠠᠭᠠᠴᠢᠯᠠᠯᠳᠠ ᠵᠠᠷᠯᠠᠬᠴᠢ ᠤᠷᠢᠬᠤ ᠳᠠᠭᠠᠭᠠᠴᠢᠯᠠᠯᠳᠠ ᠵᠠᠷᠯᠠᠬᠤ ᠬᠡᠯᠪᠡᠷᠢ ᠶᠢ ᠬᠡᠷᠡᠭᠯᠡᠬᠦ ᠳᠡᠭᠡᠨ 3᠎ ᠠᠴᠠ ᠳᠡᠭᠡᠭᠰᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ ᠶᠠᠪᠤᠭᠤᠯᠵᠤ᠂ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ ᠲᠤ ᠳᠤᠰ ᠵᠦᠢᠯ ᠤᠨ ᠭᠤᠷᠪᠠᠳᠤᠭᠠᠷ ᠪᠠᠳᠠᠭ ᠲᠤ ᠳᠤᠬᠳᠠᠭᠠᠬᠰᠠᠨ ᠵᠦᠢᠯᠡᠰ ᠢ ᠪᠠᠭᠳᠠᠭᠠᠬᠤ ᠬᠡᠷᠡᠭᠲᠡᠢ᠃    ᠭᠤᠴᠢᠳᠤᠭᠠᠷ ᠵᠦᠢᠯ ᠳᠠᠭᠠᠭᠠᠴᠢᠯᠠᠯᠳᠠ ᠵᠠᠷᠯᠠᠬᠴᠢ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠨᠡᠶᠢᠳᠡᠯᠡᠬᠦ ᠪᠤᠶᠤ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ ᠶᠠᠪᠤᠭᠤᠯᠬᠤ ᠠᠴᠠ ᠪᠠᠨ 10 ᠡᠳᠦᠷ ᠤᠨ ᠡᠮᠦᠨ᠎ᠠ᠂ ᠳᠤᠤᠷᠠᠬᠢ ᠮᠠᠲ᠋ᠧᠷᠢᠶᠠᠯ ᠢ ᠠᠳᠠᠯ ᠠᠬᠤᠢ ᠶᠢᠨ ᠲᠦᠷᠦᠯ ᠵᠦᠢᠯ ᠪᠠᠶᠢᠭ᠎ᠠ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠬᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠳᠡᠪᠰᠢᠭᠦᠯᠦᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠄    ︵ᠨᠢᠭᠡ︶ ᠠᠳᠠᠯ ᠠᠬᠤᠢ ᠶᠢᠨ ᠬᠠᠮᠢᠶᠠᠷᠤᠯᠳᠠ ᠲᠠᠢ ᠬᠤᠯᠪᠤᠬᠳᠠᠯ ᠪᠦᠬᠦᠢ ᠠᠳᠠᠯ ᠠᠬᠤᠢ ᠶᠢᠨ ᠲᠦᠷᠦᠯ ᠵᠦᠢᠯ ᠢ ᠨᠡᠭᠡᠭᠡᠨ ᠪᠦᠳᠦᠭᠡᠨ ᠪᠠᠶᠢᠭᠤᠯᠬᠤ ᠳᠤᠬᠠᠢ ᠵᠠᠰᠠᠬ ᠤᠨ ᠤᠷᠳᠤᠨ ᠤ ᠵᠦᠪᠰᠢᠶᠡᠷᠡᠯ ᠤᠨ ᠪᠢᠴᠢᠭ︔    ︵ᠬᠤᠶᠠᠷ︶ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠪᠤᠶᠤ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ︔    ︵ᠭᠤᠷᠪᠠ︶ ᠳᠠᠭᠠᠭᠠᠴᠢᠯᠠᠯᠳᠠ ᠵᠠᠷᠯᠠᠬᠤ ᠪᠢᠴᠢᠭ ᠮᠠᠲ᠋ᠧᠷᠢᠶᠠᠯ︔    ︵ᠲᠦᠷᠪᠡ︶ ᠬᠠᠤᠯᠢ ᠴᠠᠭᠠᠵᠠ᠂ ᠬᠠᠤᠯᠢ ᠳᠤᠬᠳᠠᠭᠠᠯ ᠳᠤ ᠲᠤᠭᠳᠠᠭᠠᠭᠰᠠᠠ ᠪᠤᠰᠤᠳ ᠮᠠᠲ᠋ᠧᠷᠢᠶᠠᠯ᠃    ᠭᠤᠴᠢᠨ ᠨᠢᠭᠡᠳᠦᠭᠡᠷ ᠵᠦᠢᠯ ᠳᠠᠭᠠᠭᠠᠴᠢᠯᠠᠯᠳᠠ ᠵᠠᠷᠯᠠᠵᠥ ᠳᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠤ ᠳᠠᠭᠠᠨ᠂ ᠳᠠᠭᠠᠭᠠᠴᠢᠯᠠᠯᠳᠠ ᠵᠠᠷᠯᠠᠬᠴᠢ ᠳᠤᠤᠷᠠᠬᠢ ᠳᠤᠬᠳᠠᠬᠰᠠᠨ ᠬᠤᠭᠤᠴᠠᠭᠠᠨ ᠳᠤ ᠠᠳᠠᠯ ᠠᠬᠤᠢ ᠶᠢᠨ ᠬᠠᠮᠢᠶᠠᠷᠤᠯᠳᠠ ᠶᠢᠨ ᠳᠠᠭᠠᠭᠠᠴᠢᠯᠠᠯᠳᠠ ᠵᠠᠷᠯᠠᠵᠤ ᠳᠠᠭᠠᠭᠠᠴᠢᠯᠠᠯᠳᠠ ᠬᠦᠯᠢᠶᠡᠬᠦ ᠠᠵᠢᠯ ᠢᠶᠠᠨ ᠳᠠᠭᠤᠰᠬᠠᠬᠤ ᠬᠡᠷᠡᠭᠲᠡᠢ᠄    ︵ᠨᠢᠬᠡ︶ ᠰᠢᠨ᠎ᠡ ᠪᠠᠷᠢᠬᠰᠠᠨ ᠪᠡᠯᠡᠨ ᠢᠶᠠᠷ ᠬᠤᠳᠠᠯᠳᠤᠬᠤ ᠲᠠᠸᠠᠷ ᠤᠨ ᠪᠠᠶᠢᠰᠢᠩ ᠤᠨ ᠲᠦᠷᠦᠯ ᠵᠦᠢᠯ ᠪᠤᠯ ᠪᠡᠯᠡᠨ ᠢᠶᠠᠷ ᠬᠤᠳᠠᠯᠳᠤᠬᠤ ᠠᠴᠠ ᠪᠠᠨ 30 ᠡᠳᠤᠷ ᠤᠨ ᠡᠮᠦᠨ᠎ᠠ ᠳᠠᠭᠤᠰᠬᠠᠬᠤ ᠬᠡᠷᠡᠭᠲᠡᠢ︔    ︵ᠬᠤᠶᠠᠷ︶ ᠤᠷᠢᠳᠴᠢᠯᠠᠨ ᠬᠤᠳᠠᠯᠳᠤᠬᠤ ᠲᠠᠸᠠᠷ ᠤᠨ ᠪᠠᠶᠢᠰᠢᠩ ᠤᠨ ᠲᠦᠷᠦᠯ ᠵᠦᠢᠯ ᠪᠤᠯ ︽ᠲᠠᠸᠠᠷ ᠤᠨ ᠪᠠᠶᠢᠰᠢᠩ ᠢ ᠤᠷᠢᠳᠴᠢᠯᠠᠨ ᠬᠤᠳᠠᠯᠳᠤᠬᠤ ᠵᠦᠪᠰᠢᠶᠡᠷᠡᠯ ᠤᠨ ᠦᠨᠠᠮᠯᠠᠯ︾ ᠤᠯᠬᠤ ᠠᠴᠠ ᠪᠠᠨ ᠡᠮᠦᠨ᠎ᠠ ᠳᠠᠭᠤᠰᠬᠠᠬᠤ ᠬᠡᠷᠡᠭᠲᠡᠢ︔    ︵ᠭᠤᠷᠪᠠ︶ ᠬᠤᠳᠠᠯᠳᠤᠬᠤ ᠦᠭᠡᠢ ᠰᠢᠨ᠎ᠠ ᠪᠠᠷᠢᠬᠰᠠᠨ ᠠᠳᠠᠯ ᠠᠬᠤᠢ ᠶᠢᠨ ᠲᠦᠷᠦᠯ ᠵᠦᠢᠯ ᠪᠤᠯ ᠲᠤᠰᠢᠶᠠᠨ ᠬᠡᠷᠡᠭᠯᠠᠬᠦᠯᠬᠦ ᠠᠴᠠ ᠪᠠᠨ ᠡᠮᠦᠨ᠎ᠠ 90 ᠡᠳᠦᠷ ᠤᠨ ᠳᠤᠲᠤᠷ᠎ᠠ ᠳᠠᠭᠤᠰᠬᠠᠬᠤ ᠬᠡᠷᠡᠭᠲᠡᠢ᠃    ᠭᠤᠴᠢᠨ ᠬᠤᠶᠠᠳᠤᠭᠠᠷ ᠵᠦᠢᠯ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠬᠤᠭᠤᠴᠠᠭ᠎ᠠ ᠬᠢᠵᠠᠭᠠᠷ ᠢ ᠬᠡᠯᠡᠯᠴᠡᠨ ᠳᠤᠬᠳᠠᠵᠤ ᠪᠤᠯᠤᠨ᠎ᠠ᠃ ᠬᠤᠭᠤᠴᠠᠭ᠎ᠠ ᠨᠢ ᠭᠦᠢᠴᠡᠭᠡ ᠦᠭᠡᠢ᠂ ᠦᠮᠴᠢᠳᠡᠳ ᠤᠨ ᠵᠦᠪᠯᠡᠯ ᠪᠤᠯᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠳᠤᠬᠳᠠᠭᠠᠬᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠬᠦᠴᠦᠨ ᠲᠠᠢ ᠪᠤᠯᠤᠬᠰᠠᠨ ᠪᠤᠯ᠂ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠵᠤᠬᠰᠤᠭᠠᠨ᠎ᠠ᠃ ᠬᠤᠭᠤᠴᠠᠭ᠎ᠠ ᠨᠢ ᠬᠦᠢᠴᠡᠭᠡᠳ᠂ ᠦᠮᠴᠢᠳᠡᠳ ᠤᠨ ᠶᠡᠭᠡ ᠬᠤᠷᠠᠯ ᠪᠠᠶᠢᠭᠤᠯᠤᠬᠳᠠᠭ᠎ᠠ ᠦᠭᠡᠢ᠂ ᠤᠤᠯ ᠤᠨ ᠬᠡᠯᠠᠯᠴᠡᠭᠡᠷ ᠳᠤᠬᠳᠠᠬᠰᠠᠨ ᠬᠤᠶᠠᠷ ᠡᠳᠡᠭᠡᠳ ᠤᠨ ᠨᠢᠬᠡ ᠳᠠᠯ᠎ᠠ ᠨᠢ ᠬᠡᠯᠡᠯᠴᠡᠭᠡᠷ ᠢᠶᠠᠨ ᠦᠷᠭᠦᠯᠵᠢᠯᠡᠭᠦᠯᠬᠦ ᠳᠤᠷ᠎ᠠ ᠦᠭᠡᠢ ᠪᠤᠶᠤ ᠨᠢᠭᠡᠨᠳᠡ ᠰᠠᠭᠤᠬᠰᠠᠨ ᠦᠮᠴᠢᠳᠡᠳ ᠤᠨ 50%᠎ ᠠᠴᠠ ᠳᠡᠭᠡᠭᠰᠢᠬᠢ ᠨᠢ ᠤᠤᠯ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠦᠢᠯᠡᠴᠢᠯᠡᠭᠡᠨ ᠳᠤ ᠬᠠᠨᠤᠮᠵᠢ ᠦᠭᠡᠢ ᠪᠤᠯ᠂ ᠪᠦᠲᠦᠭᠡᠨ ᠪᠠᠶᠢᠭᠤᠯᠤᠭᠰᠠᠨ ᠨᠢᠭᠡᠴᠠ ᠳᠠᠭᠠᠭᠠᠴᠢᠯᠠᠯᠳᠠ ᠵᠠᠷᠯᠠᠵᠤ ᠳᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠭᠡᠮ ᠲᠠᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠳᠠᠬᠢᠨ ᠰᠢᠨ᠎ᠡ ᠪᠠᠷ ᠰᠤᠩᠭᠤᠨ ᠤᠷᠢᠬᠤ ᠬᠡᠷᠡᠭᠲᠡᠢ᠃    ᠭᠤᠴᠢᠨ ᠭᠤᠷᠪᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢ ᠵᠠᠯᠭᠠᠨ ᠠᠪᠬᠤ ᠦᠶᠡᠰ᠂ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠪᠠᠯᠠᠳᠭᠡᠯ ᠲᠦᠭᠦᠭᠡᠷᠦᠮᠵᠢ ᠶᠢ ᠰᠢᠯᠭᠠᠨ ᠪᠠᠶᠢᠴᠠᠭᠠᠭᠠᠳ ᠬᠢᠷᠢ ᠳᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠠ ᠠᠴᠠ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠢᠶᠠᠨ ᠬᠠᠤᠯᠢ ᠶᠤᠰᠤᠭᠠᠷ ᠠᠳᠠᠯ ᠠᠬᠤᠢ ᠶᠢᠨ ᠦᠢᠯᠠᠴᠢᠯᠡᠭᠡᠨ ᠤ ᠠᠵᠤ ᠠᠬᠤᠢᠢᠯᠠᠯ ᠳᠤ ᠳᠤᠰᠢᠶᠠᠬᠤ ᠬᠡᠷᠡᠭᠲᠡᠢ᠃ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ ᠵᠤᠬᠰᠤᠭᠠᠬᠤ ᠳᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢ ᠬᠤᠯᠪᠤᠬᠳᠠᠯ ᠪᠦᠬᠦᠢ ᠪᠢᠴᠢᠭ ᠮᠠᠲ᠋ᠧᠷᠢᠶᠠᠯ ᠢᠶᠠᠨ ᠦᠮᠴᠢᠳᠡᠳ ᠤᠨ ᠵᠦᠪᠯᠡᠯ ᠳᠤ ᠳᠤᠰᠢᠶᠠᠬᠤ ᠭᠡᠷᠡᠭᠲᠡᠢ᠃    ᠭᠤᠴᠢᠨ ᠲᠦᠷᠪᠡᠳᠦᠭᠡᠷ ᠵᠦᠢᠯ ᠪᠦᠲᠦᠭᠡᠨ ᠪᠠᠶᠢᠭᠤᠯᠤᠭᠰᠠᠨ ᠨᠢᠭᠡᠴᠠ ᠨᠢ ᠲᠦᠯᠦᠪᠵᠢᠬᠦᠯᠭᠡ ᠶᠤᠰᠤᠭᠠᠷ᠂ ᠨᠡᠭᠡᠭᠡᠨ ᠪᠦᠲᠦᠭᠡᠨ ᠪᠠᠶᠢᠭᠤᠯᠤᠬᠰᠠᠨ ᠬᠡᠪᠴᠢᠶᠡᠨ ᠤ ᠪᠠᠨ 3‰᠎ ᠠᠴᠠ ᠳᠤᠤᠷ᠎ᠠ ᠪᠠᠶᠢᠯᠭᠠᠬᠤ ᠦᠭᠡᠢ ᠪᠠᠷᠢᠮᠵᠢᠶ᠎ᠠ ᠪᠠᠷ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠳᠤᠬᠢᠷᠠᠭᠤᠯᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠲᠤ ᠦᠮᠴᠢᠳᠡᠳ ᠤᠨ ᠵᠦᠪᠯᠡᠯ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠠᠯᠪᠠᠨ ᠳᠤ ᠭᠡᠷᠡᠭᠯᠡᠬᠦ ᠭᠡᠷ ᠪᠠ ᠡᠵᠡᠩᠨᠡᠯᠳᠡ ᠳᠤ ᠬᠡᠷᠡᠭᠯᠡᠬᠦ ᠭᠡᠷ ᠪᠠᠭᠳᠠᠨ᠎ᠠ᠃    ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠢ ᠭᠡᠷ ᠭᠠᠵᠠᠷ ᠤᠨ ᠬᠦᠷᠦᠩᠭᠡ ᠶᠢᠨ ᠨᠡᠭᠡᠭᠡᠯᠳᠡ ᠶᠢᠨ ᠲᠦᠷᠦᠯ ᠵᠦᠢᠯ ᠢ ᠶᠡᠷᠦᠩᠬᠡᠶᠢᠯᠡᠨ ᠰᠢᠯᠭᠠᠨ ᠬᠤᠷᠢᠶᠠᠬᠤ ᠳᠤᠮᠳᠠᠬᠢ ᠠᠳᠠᠯ ᠠᠬᠤᠢ ᠶᠢᠨ ᠬᠠᠮᠢᠶᠠᠷᠤᠯᠳᠠ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠠᠭᠤᠯᠭ᠎ᠠ ᠪᠤᠯᠭᠠᠬᠤ ᠭᠡᠷᠡᠭᠲᠡᠢ᠃      ᠲᠦᠷᠪᠡᠲᠦᠭᠡᠷ ᠪᠦᠯᠦᠭ ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠴᠢᠯᠡᠭᠡ    ᠭᠤᠴᠢᠨ ᠲᠠᠪᠤᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠠᠵᠤ ᠠᠬᠤᠢᠢᠯᠠᠯ ᠬᠠᠤᠯᠢ ᠶᠤᠰᠤᠭᠠᠷ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠦᠢᠯᠡᠳᠪᠦᠷᠢ ᠬᠤᠳᠠᠯᠳᠤᠭᠠᠨ ᠤ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠤᠴᠢᠵᠤ ᠳᠠᠩᠰᠠᠯᠠᠭᠤᠯᠤᠨ ᠪᠦᠷᠢᠳᠭᠡᠬᠦᠯᠬᠦ ᠭᠠᠷᠳᠠᠮ ᠬᠢᠯᠭᠡᠵᠤ᠂ ᠠᠵᠤ ᠠᠬᠤᠢᠢᠯᠠᠯ ᠤᠨ ᠬᠠᠤᠯᠢ ᠶᠢᠨ ᠡᠷᠬᠡᠳᠡᠨ ᠤ ᠡᠵᠡᠩᠨᠡᠯᠳᠡ ᠶᠢᠨ ᠦᠨᠡᠮᠯᠡᠯ ᠠᠪᠬᠤ ᠭᠡᠷᠡᠭᠲᠡᠢ᠃    ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠵᠤ ᠠᠬᠤᠢᠢᠯᠠᠯ ᠤᠨ ᠬᠠᠤᠯᠢ ᠶᠢᠨ ᠡᠷᠬᠡᠳᠡᠨ ᠤ ᠡᠵᠡᠩᠨᠡᠯᠳᠠ ᠶᠢᠨ ᠦᠨᠡᠮᠯᠠᠯ ᠤᠯᠤᠬᠰᠠᠨ ᠠᠴᠠ ᠪᠠᠨ ᠡᠬᠢᠯᠡᠨ 30 ᠡᠳᠦᠷ ᠤᠨ ᠳᠤᠳᠤᠷ᠎ᠠ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠬᠢᠷᠢ ᠭᠡᠮ ᠤᠨ ᠳᠡᠰ ᠢᠶᠠᠨ ᠬᠢᠨᠠᠨ ᠳᠤᠬᠳᠠᠭᠠᠯᠭᠠᠬᠤ ᠪᠠᠷ ᠡᠷᠭᠦᠳᠡᠯ ᠭᠠᠷᠭᠠᠬᠤ ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠬᠢᠷᠢ ᠭᠡᠮ ᠤᠨ ᠬᠠᠮᠢᠶᠠᠷᠤᠯᠳᠠ ᠶᠢᠨ ᠠᠷᠭ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠬᠳᠠᠭᠠᠨ᠎ᠠ᠃    ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠬᠢᠨᠡᠨ ᠳᠤᠬᠳᠠᠭᠠᠬᠰᠠᠨ ᠬᠢᠷᠢ ᠭᠡᠮ ᠤᠨ ᠳᠡᠰ ᠤᠨ ᠬᠡᠪᠴᠢᠶᠡᠨ ᠳᠤᠲᠤᠷ᠎ᠠ ᠪᠠᠨ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠬᠢᠬᠦ ᠭᠡᠷᠡᠭᠲᠡᠢ᠃ ᠬᠢᠷᠢ ᠭᠡᠮ ᠤᠨ ᠳᠡᠰ ᠤᠨ ᠦᠨᠡᠮᠯᠡᠯ ᠤᠯᠤᠭ᠎ᠠ ᠦᠭᠡᠢ ᠪᠤᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠬᠢᠵᠦ ᠪᠤᠯᠬᠤ ᠦᠭᠡᠢ᠃    ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯ ᠬᠢᠵᠦ ᠪᠠᠶᠢᠭ᠎ᠠ ᠬᠦᠮᠦᠰ ᠤᠯᠤᠰ ᠤᠨ ᠬᠤᠯᠪᠤᠬᠳᠠᠯ ᠪᠦᠬᠦᠢ ᠳᠤᠬᠳᠠᠭᠠᠯ ᠶᠤᠰᠤᠭᠠᠷ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠯᠬᠤ ᠬᠡᠷᠡᠭᠲᠡᠢ᠃    ᠦᠪᠡᠷᠲᠡᠭᠡᠨ ᠵᠠᠰᠠᠬᠤ ᠤᠷᠤᠨ ᠤ ᠭᠠᠳᠠᠨᠠᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠦᠪᠡᠷᠳᠡᠭᠡᠨ ᠵᠠᠰᠠᠬᠤ ᠤᠷᠤᠨ ᠳᠤ ᠢᠷᠡᠵᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠡᠷᠬᠢᠯᠡᠬᠦ ᠳᠡᠭᠡᠨ ᠬᠢᠷᠢ ᠭᠡᠮ ᠤᠨ ᠳᠡᠰ ᠤᠨ ᠦᠨᠡᠮᠯᠠᠯ ᠢᠶᠠᠨ ᠠᠪᠴᠤ ᠲᠦᠷᠦᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠲᠤ ᠤᠴᠢᠵᠤ ᠳᠠᠩᠰᠠᠯᠠᠭᠤᠯᠬᠤ ᠭᠡᠷᠡᠭᠲᠡᠢ᠃    ᠭᠤᠴᠢᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠤᠷᠠᠬᠢ ᠮᠡᠲᠦ ᠡᠷᠬᠡ ᠎ ᠲᠠᠢ᠄    ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ ᠪᠠ ᠬᠠᠮᠢᠶᠠᠷᠤᠯᠳᠠ ᠶᠢᠨ ᠲᠦᠷᠢᠮ ᠶᠤᠰᠤᠭᠠᠷ ᠠᠳᠠᠯ ᠠᠬᠤᠢ ᠶᠢ ᠬᠠᠮᠢᠶᠠᠷᠤᠨ᠎ᠠ︔    ︵ᠬᠤᠶᠡᠷ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠳᠤᠬᠳᠠᠭᠠᠯ ᠶᠤᠰᠤᠭᠠᠷ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠬᠤᠷᠢᠶᠠᠨ᠎ᠠ︔    ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠳᠤᠷᠠᠬᠢ ᠳᠤᠰᠬᠠᠢ ᠲᠦᠷᠦᠯ ᠤᠨ ᠦᠢᠯᠡᠴᠢᠯᠡᠭᠡᠨ ᠤ ᠠᠵᠢᠯ ᠢ ᠳᠤᠰᠬᠠᠢ ᠮᠡᠷᠭᠡᠵᠢᠯ ᠤᠨ ᠴᠢᠨᠠᠷ ᠲᠠᠢ ᠦᠢᠯᠡᠴᠢᠯᠡᠭᠡᠨ ᠤ ᠠᠵᠤ ᠠᠬᠤᠢᠢᠯᠠᠯ ᠳᠤ ᠨᠠᠶᠢᠳᠠᠵᠤ ᠪᠤᠯᠤᠨ᠎ᠠ᠂ ᠭᠡᠪᠡᠴᠤ ᠳᠤᠰ ᠠᠳᠠᠯ ᠠᠬᠤᠢ ᠶᠢᠨ ᠤᠷᠤᠨ ᠤ ᠳᠤᠳᠤᠷᠠᠬᠢ ᠪᠦᠬᠦ ᠠᠳᠠᠯ ᠠᠬᠤᠢ ᠶᠢᠨ ᠬᠠᠮᠢᠶᠠᠷᠤᠯᠳᠠ ᠶᠢ ᠵᠡᠷᠭᠡ ᠳᠤᠨᠢ ᠪᠤᠰᠤᠳ ᠲᠤ ᠨᠠᠶᠢᠳᠠᠵᠤ ᠪᠤᠯᠬᠤ ᠦᠭᠡᠢ︔    ︵ᠲᠦᠷᠪᠡ︶ ᠬᠠᠤᠯᠢ ᠴᠠᠭᠠᠵᠠ᠂ ᠬᠠᠤᠯᠢ ᠳᠤᠬᠳᠠᠭᠠᠯ ᠤᠨ ᠳᠤᠬᠳᠠᠭᠠᠯ ᠪᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠭᠠᠬᠰᠠᠨ ᠪᠤᠰᠤᠳ ᠡᠷᠬᠡ᠃    ᠭᠤᠴᠢᠨ ᠳᠤᠯᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠤᠷᠠᠬᠢ ᠡᠭᠦᠷᠭᠡ ᠶᠢ ᠭᠦᠢᠴᠡᠳᠭᠡᠬᠦ ᠬᠡᠷᠡᠭᠲᠡᠢ᠄    ︵ᠨᠢᠬᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠡᠷᠡᠭᠵᠢᠭᠦᠯᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯ ᠲᠦᠷᠦᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠭᠡᠷᠡᠭᠵᠢᠬᠦᠯᠦᠨ᠂ ᠬᠠᠤᠯᠢ ᠶᠤᠰᠤᠭᠠᠷ ᠡᠵᠡᠩᠨᠡᠬᠦ ᠭᠡᠷᠡᠭᠲᠡᠢ︔    ︵ᠬᠤᠶᠠᠷ︶ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠦᠨᠳᠦᠰᠦᠯᠡᠨ᠂ ᠪᠤᠳᠠᠳᠠᠢ ᠲᠠᠢ ᠪᠠᠨ ᠤᠶᠠᠯᠳᠤᠭᠤᠯᠵᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ ᠢ ᠨᠤᠤᠷᠠᠬᠯᠠᠬᠤ ᠭᠡᠷᠡᠭᠲᠡᠢ︔    ︵ᠭᠤᠷᠪᠠ︶ ᠦᠮᠴᠢᠳᠡᠨ ᠪᠠ ᠦᠮᠴᠢᠳᠡᠨ ᠤ ᠵᠦᠪᠯᠡᠯ ᠤᠨ ᠬᠢᠨᠡᠯᠳᠠ ᠶᠢ ᠬᠦᠯᠢᠶᠡᠬᠦ ᠭᠡᠷᠡᠭᠲᠡᠢ︔    ︵ᠲᠦᠷᠪᠡ︶ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠠᠯᠳᠠ ᠬᠠᠮᠢᠶᠠᠷᠤᠯᠳᠠ ᠶᠢ ᠬᠦᠯᠢᠶᠡᠬᠦ ᠬᠡᠷᠡᠭᠲᠡᠢ︔    ︵ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠪᠠ ᠤᠷᠤᠯᠠᠨ ᠬᠠᠮᠢᠶᠠᠷᠬᠤ ᠪᠡᠯᠡ ᠮᠦᠡᠭᠬᠦ ᠶᠢᠨ ᠭᠡᠷᠡᠭᠯᠡᠭᠡ ᠶᠢᠨ ᠪᠠᠶᠢᠳᠠᠯ ᠢ ᠳᠤᠬᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠬᠦ ᠭᠡᠷᠡᠭᠲᠡᠢ︔    ︵ᠵᠢᠷᠭᠤᠭ᠎ᠠ︶ ᠠᠳᠠᠯ ᠠᠬᠤᠢ ᠶᠢᠨ ᠬᠤᠯᠪᠤᠬᠳᠠᠯ ᠪᠦᠬᠦᠢ ᠮᠠᠲ᠋ᠧᠷᠢᠶᠠᠯ ᠢ ᠳᠤᠬᠢᠷᠠᠮᠵᠢᠲᠠᠢ ᠬᠠᠳᠠᠭᠠᠯᠠᠬᠤ ᠭᠡᠷᠡᠭᠲᠡᠢ    ︵ᠲᠤᠯᠤᠭ᠎ᠠ︶ ᠠᠮᠤᠷ ᠢ ᠬᠠᠮᠠᠭᠠᠯᠠᠬᠤ᠂ ᠤᠷᠴᠢᠨ ᠳᠤᠭᠤᠷᠢᠨ ᠢ ᠬᠠᠮᠠᠭᠠᠯᠠᠬᠤ᠂ ᠠᠳᠠᠯ ᠠᠬᠤᠢ ᠶᠢᠨ ᠴᠢᠮᠡᠭᠯᠡᠯ ᠵᠠᠰᠠᠯ ᠪᠠ ᠭᠡᠷᠡᠭᠯᠡᠭᠡ ᠵᠡᠷᠭᠡ ᠳᠠᠯ᠎ᠠ ᠶᠢᠨ ᠬᠠᠤᠯᠢ ᠴᠠᠭᠠᠵᠠ᠂ ᠬᠠᠤᠯᠢ ᠳᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠎ ᠶᠢ ᠴᠠᠬ ᠳᠤᠬᠠᠢ ᠳᠤᠨᠢ ᠬᠤᠷᠢᠬᠯᠠᠬᠤ ᠶᠢᠨ ᠬᠠᠮᠲᠤ ᠦᠮᠴᠢᠳᠡᠨ ᠤ ᠵᠦᠪᠯᠡᠯ ᠪᠠ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠬᠦ ᠭᠡᠷᠡᠭᠲᠡᠢ︔    ︵ᠨᠠᠢᠮᠠ︶ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠭᠠᠬᠰᠠᠨ ᠪᠤᠰᠤᠳ ᠡᠭᠦᠷᠭᠡ᠃    ᠭᠤᠴᠢᠨ ᠨᠠᠢᠮᠠᠳᠤᠭᠠᠷ ᠵᠦᠢᠯ ᠦᠮᠴᠢᠳᠡᠨ ᠤ ᠵᠦᠪᠯᠡᠯ ᠨᠢ ᠦᠮᠴᠢᠳᠡᠳ ᠤᠨ ᠶᠡᠭᠡ ᠬᠤᠷᠠᠯ ᠢᠶᠠᠷ ᠰᠤᠩᠭᠤᠨ ᠤᠷᠢᠬᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠲᠠᠢ ᠤᠯᠤᠰ ᠪᠤᠶᠤ ᠦᠪᠡᠷᠲᠡᠭᠡᠨ ᠵᠠᠰᠠᠬᠤ ᠤᠷᠤᠨ ᠤ ᠳᠤᠬᠳᠠᠭᠠᠬᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ ᠶᠢᠨ ᠵᠢᠱᠢᠶ᠎ᠡ ᠳᠡᠪᠲᠡᠷ ᠢᠶᠠᠷ ᠯᠠᠪᠯᠠᠯᠳᠠ ᠪᠤᠯᠭᠠᠵᠤ ᠪᠢᠴᠢᠭ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤᠬᠳᠠᠬᠤ ᠭᠡᠷᠡᠭᠲᠡᠢ᠃    ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠤᠷᠠᠬᠢ ᠠᠭᠤᠯᠭ᠎ᠠ ᠶᠢ ᠪᠠᠭᠲᠠᠭᠠᠨ᠎ᠠ᠄    ︵ᠨᠢᠭᠡ︶ ᠲᠤᠬᠠᠢ ᠶᠢᠨ ᠬᠦᠮᠦᠨ ᠪᠠ ᠠᠳᠠᠯ ᠠᠬᠤᠢ ᠶᠢᠨ ᠦᠨᠳᠦᠰᠦᠨ ᠪᠠᠶᠢᠳᠠᠯ︔    ︵ᠬᠤᠶᠠᠷ︶ ᠠᠳᠠᠯ ᠠᠬᠤᠢ ᠶᠢᠨ ᠬᠠᠮᠢᠶᠠᠷᠤᠯᠳᠠ ᠶᠢᠨ ᠵᠦᠢᠯᠡᠰ︔    ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ︔    ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠵᠢᠴᠢ ᠳᠡᠭᠦᠨ ᠢ ᠬᠤᠷᠢᠶᠠᠵᠤ ᠳᠤᠰᠢᠶᠠᠬᠤ ᠠᠷᠭ᠎ᠠ ᠬᠡᠯᠪᠡᠷᠢ︔    ︵ᠲᠠᠪᠤ︶ ᠬᠤᠶᠠᠷ ᠳᠠᠯ᠎ᠠ ᠶᠢᠨ ᠡᠷᠬᠡ ᠡᠭᠦᠷᠭᠡ ᠬᠠᠷᠢᠭᠤᠴᠠᠯᠭ᠎ᠠ︔    ︵ᠵᠢᠷᠭᠤᠭ᠎ᠠ︶ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢᠨ ᠬᠠᠮᠢᠶᠠᠷᠤᠯᠳᠠ ᠪᠤᠯᠤᠨ ᠭᠡᠷᠡᠭᠯᠡᠭᠡ ᠎ ᠶᠢᠨ ᠠᠷᠭ᠎ᠠ ᠬᠡᠯᠪᠡᠷᠢ︔    ︵ᠳᠤᠯᠤᠭ᠎ᠠ︶ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠤᠨ ᠬᠡᠷᠡᠭᠯᠡᠭᠡ ᠪᠤᠯᠤᠨ ᠬᠠᠮᠠᠭᠠᠯᠠᠯᠳᠠ︔    ︵ᠨᠠᠢᠮᠠ︶ ᠭᠡᠷ᠎ᠡ ᠶᠢᠨ ᠬᠤᠭᠤᠴᠠᠭ᠎ᠠ ᠬᠢᠵᠠᠭᠠᠷ᠂ ᠭᠡᠷ᠎ᠡ ᠶᠢ ᠵᠤᠬᠰᠤᠭᠠᠬᠤ ᠪᠠ ᠬᠦᠴᠦᠨ ᠦᠭᠡᠢ ᠪᠤᠯᠭᠠᠬᠤ ᠳᠤᠬᠳᠠᠭᠠᠯ︔    ︵ᠶᠢᠰᠦ︶ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠵᠢᠴᠢ ᠵᠢᠭᠤᠷᠠᠭᠠᠨ ᠢ ᠰᠢᠢᠳᠪᠦᠷᠢᠯᠡᠬᠦ ᠠᠷᠭ᠎ᠠ ᠵᠠᠮ︔    ︵ᠠᠷᠪᠠ︶ ᠬᠤᠶᠠᠷ ᠳᠠᠯ᠎ᠠ ᠪᠠᠷ ᠢᠶᠠᠨ ᠳᠤᠬᠳᠠᠭᠠᠬᠰᠠᠨ ᠪᠤᠰᠤᠳ ᠵᠦᠢᠯᠡᠰ᠃    ᠭᠤᠴᠢ ᠶᠢᠰᠦᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠦᠯ ᠵᠦᠢᠯ ᠨᠢ ᠶᠡᠷᠦ ᠶᠢᠨ ᠪᠠᠶᠢᠳᠠᠯ ᠳᠤ ᠳᠤᠤᠷᠠᠬᠢ ᠠᠭᠤᠯᠭ᠎ᠠ ᠶᠢ ᠪᠠᠭᠳᠠᠭᠠᠨ᠎ᠠ᠄    ︵ᠨᠢᠭᠡ︶ ᠠᠳᠠᠯ ᠠᠬᠤᠢ ᠶᠢᠨ ᠨᠡᠶᠢᠳᠡ ᠶᠢᠨ ᠭᠡᠷᠡᠭᠯᠡᠭᠡᠨ ᠤ ᠭᠡᠰᠡᠭ ᠤᠨ ᠬᠠᠮᠠᠭᠠᠯᠠᠯᠳᠠ ᠪᠠ ᠬᠠᠮᠢᠶᠠᠷᠤᠯᠳᠠ︔    ︵ᠬᠤᠶᠠᠷ︶ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠲᠦᠭᠦᠭᠡᠷᠦᠮᠵᠢ ᠪᠡᠯᠡᠳᠭᠡᠮᠵᠢ ᠵᠢᠴᠢ ᠳᠡᠭᠦᠨ ᠤ ᠠᠵᠢᠯᠯᠠᠭᠠ ᠤ ᠶᠠᠪᠤᠴᠠ ᠳᠠᠬᠢ ᠰᠡᠯᠪᠢᠨ ᠵᠠᠰᠠᠯᠲᠠ ᠪᠠ ᠬᠠᠮᠢᠶᠠᠷᠤᠯᠳᠠ︔    ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠤᠯᠠᠨ ᠨᠡᠶᠢᠳᠡ ᠶᠢᠨ ᠤᠷᠴᠢᠨ ᠲᠤᠭᠤᠷᠢᠨ ᠤ ᠠᠷᠢᠭᠤᠨ ᠴᠡᠪᠡᠷ ᠪᠠ ᠨᠤᠭᠤᠭᠠᠷᠠᠭᠤᠯᠤᠯᠳᠠ ᠶᠢᠨ ᠬᠠᠮᠢᠶᠠᠷᠤᠯᠳᠠ︔    ︵ᠲᠦᠷᠪᠡ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠠᠮᠤᠷ ᠲᠦᠪᠰᠢᠨ᠂ ᠭᠠᠯ ᠰᠡᠷᠭᠡᠶᠢᠯᠡᠬᠦ᠂ ᠭᠠᠯ ᠤᠨᠳᠠᠷᠠᠭᠠᠬᠤ᠂ ᠵᠠᠮ ᠬᠠᠷᠢᠯᠴᠠᠭ᠎ᠠ ᠵᠡᠷᠭᠡ ᠬᠠᠮᠵᠢᠯᠴᠠᠨ ᠬᠠᠮᠢᠶᠠᠷᠬᠤ ᠵᠦᠢᠯᠡᠰ ᠤᠨ ᠦᠢᠯᠡᠴᠢᠯᠡᠭᠡ︔    ︵ᠲᠠᠪᠤ︶ ᠠᠳᠠᠯ ᠠᠬᠤᠢ ᠶᠢᠨ ᠵᠠᠰᠠᠯ ᠴᠢᠮᠡᠭᠯᠡᠯ ᠤᠨ ᠬᠠᠮᠢᠶᠠᠷᠤᠯᠳᠠ ᠶᠢᠨ ᠦᠢᠯᠡᠴᠢᠯᠡᠭᠡ︔    ︵ᠵᠢᠷᠭᠤᠭ᠎ᠠ︶ ᠠᠳᠠᠯ ᠠᠬᠤᠢ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠳᠠ︔    ︵ᠳᠤᠯᠤᠭ᠎ᠠ︶ ᠪᠤᠰᠤᠳ ᠬᠠᠮᠢᠶᠠᠷᠤᠯᠳᠠ ᠶᠢᠨ ᠵᠦᠢᠯᠡᠰ᠃    ᠳᠦᠴᠢᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ ᠬᠤᠷᠢᠶᠠᠬᠤ ᠳᠠᠭᠠᠨ ᠵᠦᠢ ᠵᠤᠬᠢᠰᠳᠠᠢ ᠂ ᠢᠯᠠ ᠪᠦᠭᠡᠳ ᠰᠦᠢᠳᠭᠡᠯ ᠪᠠ ᠦᠢᠯᠡᠴᠢᠯᠡᠭᠡᠨ ᠤ ᠲᠦᠪᠰᠢᠨ ᠢ ᠵᠤᠬᠢᠴᠠᠭᠤᠯᠬᠤ ᠵᠠᠷᠴᠢᠮ ᠢ ᠵᠢᠷᠦᠮᠯᠡᠨ᠂ ᠠᠳᠠᠯᠢ ᠪᠤᠰᠤ ᠠᠳᠠᠯ ᠠᠬᠤᠢ ᠶᠢᠨ ᠰᠢᠨᠵᠢ ᠴᠢᠨᠠᠷ ᠪᠠ ᠤᠨᠴᠠᠯᠢᠬ ᠤᠨ ᠢᠯᠭᠠᠭ᠎ᠠ ᠪᠠᠷ ᠦᠮᠴᠢᠳᠡᠨ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠳᠤᠬᠳᠠᠭᠠᠯ ᠶᠤᠰᠤᠭᠠᠷ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠭᠠᠬᠤ ᠭᠡᠷᠡᠭᠲᠡᠢ᠃    ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠦᠮᠴᠢᠳᠡᠨ ᠤ ᠨᠠᠶᠢᠳᠠᠯᠭ᠎ᠠ ᠶᠢ ᠦᠨᠳᠦᠰᠦᠯᠡᠨ᠂ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠬᠰᠠᠨ ᠠᠴᠠ ᠭᠠᠳᠠᠨᠠᠬᠢ ᠦᠢᠯᠡᠴᠢᠯᠡᠬᠦ ᠲᠦᠷᠦᠯ ᠵᠦᠢᠯ ᠢ ᠬᠠᠨᠭ᠍ᠭᠠᠵᠤ ᠪᠤᠯᠬᠤ ᠪᠦᠭᠡᠳ ᠦᠢᠯᠡᠴᠢᠯᠡᠭᠡᠨ ᠤ ᠬᠦᠯᠦᠰᠦ ᠮᠦᠡᠭᠬᠦ ᠶᠢ ᠬᠤᠶᠠᠷ ᠳᠠᠯ᠎ᠠ ᠪᠠᠷ ᠢᠶᠠᠨ ᠬᠡᠯᠡᠯᠴᠡᠨ ᠳᠤᠬᠳᠠᠭᠠᠨ᠎ᠠ᠃    ᠳᠦᠴᠢᠨ ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠲᠤᠷᠠᠬᠢ ᠤᠰᠤ ᠬᠠᠨᠭ᠍ᠭᠠᠬᠤ ᠂ ᠴᠠᠬᠢᠯᠭᠠᠠ ᠬᠠᠩᠭᠠᠬᠤ᠂ ᠬᠡᠢ ᠬᠠᠨᠭ᠍ᠭᠠᠬᠤ᠂ ᠢᠯᠴᠢ ᠬᠠᠨᠭ᠍ᠭᠠᠬᠤ᠂ ᠴᠢᠮᠡᠭᠡ ᠬᠤᠯᠪᠣᠭ᠎ᠠ᠂ ᠤᠳᠠᠰᠤᠲᠤ ᠲᠧᠯᠸᠢᠰ ᠵᠡᠷᠭᠡ ᠨᠢᠭᠡᠴᠠ ᠨᠢ ᠵᠢᠩᠬᠢᠨᠢ ᠭᠡᠷᠡᠭᠯᠡᠭᠴᠢ ᠠᠴᠠ ᠬᠤᠯᠪᠤᠬᠳᠠᠯ ᠪᠦᠬᠦᠢ ᠰᠦᠢᠳᠭᠡᠯ ᠢ ᠬᠤᠷᠢᠶᠠᠨ᠎ᠠ᠃    ᠶᠠᠮᠠᠷᠪᠠ ᠨᠢᠭᠡᠴᠠ ᠪᠤᠶᠤ ᠬᠤᠪᠢ ᠬᠦᠮᠦᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢ ᠡᠮᠦᠨ᠎ᠡ ᠪᠠᠳᠠᠬ ᠲᠤ ᠳᠤᠷᠠᠳᠤᠬᠰᠠᠨ ᠰᠦᠢᠳᠭᠡᠯ ᠢ ᠤᠷᠤᠯᠠᠨ ᠬᠤᠷᠢᠶᠠᠯᠭᠠᠬᠤ ᠪᠠᠷ ᠠᠯᠪᠠᠳᠠᠵᠤ ᠪᠤᠯᠬᠤ ᠦᠭᠡᠢ᠂ ᠠᠳᠠᠯ ᠠᠬᠤᠢ ᠎ ᠶᠢᠨ ᠦᠢᠯᠡᠴᠢᠯᠡᠭᠡᠨ ᠤ ᠠᠵᠤ ᠠᠬᠤᠢᠢᠯᠠᠯ ᠡᠮᠦᠨ᠎ᠡ ᠪᠠᠳᠠᠬ ᠲᠤ ᠲᠤᠷᠠᠳᠤᠬᠰᠠᠨ ᠰᠦᠢᠳᠭᠡᠯ ᠢ ᠤᠷᠤᠯᠠᠨ ᠬᠤᠷᠢᠶᠠᠬᠤ ᠎ ᠶᠢ ᠳᠡᠪᠴᠢᠭᠰᠡᠨ ᠠᠴᠠ ᠪᠤᠯᠵᠤ ᠦᠢᠯᠡᠴᠢᠯᠡᠭᠡ ᠬᠠᠨᠭ᠍ᠭᠠᠬᠤ ᠶᠢ ᠨᠢ ᠵᠤᠬᠰᠤᠭᠠᠵᠤ ᠴᠤ ᠪᠤᠯᠬᠤ ᠦᠭᠡᠢ᠃    ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠠᠶᠢᠳᠠᠯᠭ᠎ᠠ ᠬᠦᠯᠢᠶᠡᠵᠦ ᠳᠤᠰ ᠲᠦᠷᠢᠮ ᠤᠨ ᠨᠢᠭᠡᠳᠦᠭᠡᠷ ᠪᠠᠳᠠᠬ ᠤᠨ ᠰᠦᠢᠳᠭᠡᠯ ᠢ ᠤᠷᠤᠯᠠᠨ ᠬᠤᠷᠢᠶᠠᠪᠠᠯ᠂ ᠦᠮᠴᠢᠳᠡᠨ ᠠᠴᠠ ᠭᠠᠷᠳᠠᠮ ᠭᠦᠢᠴᠡᠳᠭᠡᠬᠦ ᠰᠦᠢᠳᠭᠡᠯ ᠮᠡᠲᠦ ᠶᠢᠨ ᠳᠤᠬᠲᠠᠭᠠᠯ ᠠᠴᠠ ᠭᠠᠳᠠᠨᠠᠬᠢ ᠰᠦᠢᠳᠭᠡᠯ ᠬᠤᠷᠢᠶᠠᠵᠤ ᠪᠤᠯᠬᠤ ᠦᠭᠡᠢ᠃    ᠲᠦᠴᠢᠨ ᠬᠤᠶᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠳᠤᠷᠠᠬᠢ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠵᠢᠯ ᠢ ᠬᠠᠮᠵᠢᠯᠴᠠᠨ ᠰᠠᠶᠢᠳᠤᠷ ᠬᠢᠬᠦ ᠭᠡᠷᠡᠭᠲᠡᠢ᠃ ᠠᠮᠤᠷ ᠲᠦᠪᠰᠢᠨ ᠤ ᠠᠳᠡᠯ ᠭᠠᠷᠬᠤ ᠦᠶᠡᠰ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠪᠠᠴᠢᠮ ᠠᠷᠭᠠᠴᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠬ ᠲᠤᠬᠠᠢ ᠳᠤᠨᠢ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠬᠦ ᠪᠦᠭᠡᠳ ᠠᠪᠤᠷᠠᠨ ᠳᠤᠰᠠᠯᠠᠬᠤ ᠠᠵᠢᠯ ᠳᠤ ᠰᠠᠶᠢᠳᠤᠷ ᠬᠠᠮᠵᠢᠯᠴᠠᠬᠤ ᠭᠡᠷᠡᠭᠲᠡᠢ᠃    ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠮᠤᠷ ᠢ ᠬᠠᠮᠠᠭᠠᠯᠠᠬᠴᠢ ᠬᠦᠯᠦᠰᠦᠯᠡᠨ ᠭᠡᠷᠡᠭᠯᠡᠬᠦ ᠳᠡᠭᠡᠨ ᠤᠯᠤᠰ ᠤᠨ ᠬᠤᠯᠪᠤᠬᠳᠠᠯ ᠪᠦᠬᠦᠢ ᠳᠤᠬᠳᠠᠭᠠᠯ ᠢ ᠵᠢᠷᠤᠮᠯᠡᠬᠤ ᠬᠡᠷᠡᠭᠲᠡᠢ᠃ ᠠᠮᠤᠷ ᠢ ᠬᠠᠮᠠᠭᠠᠯᠠᠬᠴᠢ ᠠᠳᠠᠯ ᠠᠬᠤᠢ ᠎ ᠶᠢᠨ ᠤᠷᠤᠨ ᠤ ᠳᠤᠲᠤᠷᠠᠬᠢ ᠤᠯᠠᠨ ᠨᠡᠶᠢᠳᠡ ᠶᠢᠨ ᠡᠮᠬᠢ ᠵᠢᠷᠣᠮ ᠢ ᠬᠠᠮᠠᠭᠠᠯᠠᠬᠤ ᠦᠶᠡᠰ ᠲᠡᠭᠡᠨ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠠᠷᠠᠳ ᠢᠷᠭᠡᠳ ᠤᠨ ᠬᠠᠤᠯᠢ ᠶᠤᠰᠤᠨ ᠤ ᠡᠷᠬᠡ ᠠᠰᠢᠬ ᠲᠤ ᠬᠠᠯᠳᠠᠵᠤ ᠪᠤᠯᠬᠤ ᠦᠭᠡᠢ᠃    ᠲᠦᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠦᠮᠴᠢᠳᠡᠨ᠂ ᠦᠮᠴᠢᠳᠡᠨ ᠤ ᠵᠦᠪᠯᠡᠯ᠂ ᠠᠳᠠᠯ ᠠᠬᠤᠢ ᠶᠢ ᠬᠡᠷᠡᠭᠯᠡᠵᠤ ᠪᠠᠶᠢᠭ᠎ᠠ ᠬᠦᠮᠦᠨ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠵᠡᠷᠭᠡ ᠲᠤᠬᠠᠢ ᠶᠢᠨ ᠬᠦᠮᠦᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭᠠᠨ ᠤ ᠳᠤᠮᠳᠠᠬᠢ ᠵᠠᠭᠠᠯᠳᠤᠯᠭ᠎ᠠ ᠶᠢ ᠴᠠᠬ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠭᠡᠷᠡᠭᠲᠡᠢ᠃    ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠭᠠᠯᠳᠤᠯᠭ᠎ᠠ ᠶᠢ ᠬᠦᠯᠢᠶᠡᠨ ᠠᠪᠤᠭᠰᠠᠠ ᠤ ᠳᠠᠷᠠᠭ᠎ᠠ᠂ ᠪᠠᠶᠢᠴᠠᠭᠠᠨ ᠰᠢᠢᠳᠪᠦᠷᠢᠯᠡᠬᠦ ᠶᠢᠨ ᠬᠠᠮᠳᠤ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠭᠰᠡᠨ ᠡᠲᠦᠷ ᠠᠴᠠ ᠡᠬᠢᠯᠡᠨ 15 ᠡᠲᠦᠷ ᠤᠨ ᠲᠤᠳᠤᠷ᠎ᠠ ᠵᠠᠭᠠᠯᠳᠤᠬᠴᠢ ᠳᠤ ᠬᠠᠷᠢᠭᠤᠯᠳᠠ ᠦᠭᠬᠦ ᠭᠡᠷᠡᠭᠲᠡᠢ᠃    ᠵᠠᠭᠠᠯᠳᠤᠯᠭ᠎ᠠ ᠶᠢᠨ ᠠᠭᠤᠯᠭ᠎ᠠ ᠨᠢ ᠪᠤᠰᠤᠳ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠠᠭᠳᠠᠪᠠᠯ᠂ ᠬᠦᠯᠢᠶᠡᠨ ᠠᠪᠴᠤ ᠰᠢᠢᠳᠪᠦᠷᠢᠯᠡᠬᠦ ᠨᠢᠭᠡᠴᠠ ᠰᠢᠢᠳᠪᠦᠷᠢᠯᠡᠬᠦ ᠪᠠᠷ ᠬᠦᠯᠢᠶᠡᠨ ᠠᠪᠤᠭᠰᠠᠠ ᠡᠲᠦᠷ ᠠᠴᠠ ᠪᠠᠨ ᠡᠬᠢᠯᠡᠨ 5 ᠡᠲᠦᠷ ᠤᠨ ᠲᠤᠳᠤᠷ᠎ᠠ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠰᠢᠯᠵᠢᠭᠦᠯᠦᠨ ᠭᠦᠷᠭᠡᠬᠦ ᠶᠢᠨ ᠬᠠᠮᠲᠤ ᠵᠠᠭᠠᠯᠳᠤᠬᠴᠢ ᠳᠤ ᠪᠢᠴᠢᠭ ᠢᠶᠠᠷ ᠮᠡᠳᠡᠭᠳᠡᠬᠦ ᠭᠡᠷᠡᠭᠲᠡᠢ᠃      ᠲᠠᠪᠤᠳᠤᠭᠠᠷ ᠪᠦᠯᠦᠭ ᠠᠳᠠᠯ ᠠᠬᠤᠢ ᠶᠢᠨ ᠬᠡᠷᠡᠭᠯᠡᠯᠳᠡ ᠪᠤᠯᠤᠨ ᠬᠠᠮᠠᠭᠠᠯᠠᠯᠳᠠ    ᠲᠦᠴᠢᠨ ᠲᠦᠷᠪᠡᠲᠦᠭᠡᠷ ᠵᠦᠢᠯ ᠠᠳᠠᠯ ᠠᠬᠤᠢ ᠶᠢᠨ ᠬᠠᠮᠢᠶᠠᠤᠯᠳᠠ ᠶᠢᠨ ᠤᠷᠤᠨ ᠤ ᠳᠤᠲᠤᠷ᠎ᠠ ᠳᠤᠤᠷᠠᠬᠢ ᠠᠵᠢᠯᠯᠠᠭ᠎ᠠ ᠶᠢ ᠴᠠᠭᠠᠵᠠᠯᠠᠨ᠎ᠠ᠄    ︵ᠨᠢᠭᠡ︶ ᠭᠡᠷ ᠪᠠᠶᠢᠰᠢᠩ ᠤᠨ ᠬᠦᠨᠳᠦ ᠶᠢ ᠳᠠᠭᠠᠭᠠᠬᠤ ᠪᠦᠳᠦᠴᠡ᠂ ᠭᠤᠤᠯ ᠴᠤᠬᠴᠠ ᠶᠢᠨ ᠪᠦᠲᠦᠴᠡ ᠪᠡ ᠭᠡᠷ ᠪᠠᠶᠢᠰᠢᠩ ᠤᠨ ᠭᠠᠳᠠᠷ ᠳᠦᠷᠬᠦ ᠶᠢ ᠡᠪᠳᠡᠬᠦ︔    ︵ᠬᠤᠶᠠᠷ︶ ᠲᠦᠯᠦᠪᠵᠢᠬᠦᠯᠭᠡ ᠶᠤᠰᠤᠭᠠᠷ ᠪᠦᠲᠦᠭᠡᠨ ᠪᠠᠶᠢᠭᠤᠯᠤᠬᠰᠠᠨ ᠤᠯᠠᠨ ᠨᠡᠶᠢᠳᠡ ᠶᠢᠨ ᠪᠠᠷᠢᠯᠭ᠎ᠠ ᠪᠠ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢᠨ ᠬᠡᠷᠡᠭᠯᠡᠭᠡ ᠶᠢ ᠬᠤᠪᠢᠷᠠᠭᠤᠯᠬᠤ︔    ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠵᠠᠮ᠂ ᠲᠠᠯᠠᠪᠤᠷ ᠢ ᠳᠤᠷ᠎ᠠ ᠪᠠᠷ ᠎ ᠢᠶᠠᠨ ᠡᠵᠡᠯᠡᠵᠦ᠂ ᠮᠠᠯᠳᠠᠬᠤ︔    ︵ᠲᠦᠷᠪᠡ︶ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠬᠡᠰᠡᠭ ᠪᠠ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢ ᠡᠵᠡᠯᠡᠬᠦ᠂ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ︔    ︵ᠲᠠᠪᠤ︶ ᠲᠦᠷᠢᠮ ᠠᠴᠠ ᠵᠦᠷᠢᠴᠡᠵᠦ ᠪᠠᠷᠢᠵᠤ ᠪᠠᠶᠢᠭᠤᠯᠬᠤ︔    ︵ᠵᠢᠷᠭᠤᠭ᠎ᠠ︶ ᠳᠤᠷ᠎ᠠ ᠪᠠᠷ ᠢᠶᠠᠨ ᠴᠤᠬᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠭᠠᠷᠭᠠᠬᠤ︔    ︵ᠳᠤᠯᠤᠭ᠎ᠠ︶ ᠳᠤᠷ᠎ᠠ ᠪᠠᠷ ᠢᠶᠠᠨ ᠬᠤᠬ ᠨᠤᠪᠰᠢ᠂ ᠰᠤᠯᠠ ᠶᠠᠭᠤᠮ᠎ᠠ ᠬᠠᠶᠠᠬᠤ᠂ ᠵᠦᠯᠭᠡ ᠭᠠᠵᠠᠷ ᠢ ᠡᠵᠡᠯᠡᠬᠦ ᠪᠠ ᠡᠪᠳᠡᠬᠦ︔    ︵ᠨᠠᠢᠮᠠ︶ ᠳᠤᠷ᠎ᠠ ᠪᠠᠷ ᠢᠶᠠᠨ ᠪᠠᠷᠢᠯᠭ᠎ᠠ ᠶᠢᠨ ᠤᠷᠤᠢ᠂ ᠭᠠᠳᠠᠨ᠎ᠠ ᠬᠠᠶᠠᠭ᠎ᠠ ᠳᠡᠭᠡᠷ᠎ᠡ ᠶᠠᠭᠤᠮ᠎ᠠ ᠤᠬᠰᠠᠷᠠᠬᠤ᠂ ᠲᠠᠯᠪᠢᠬᠤ᠂ ᠡᠯᠬᠦᠬᠦ᠂ ᠨᠠᠭᠠᠬᠤ ᠪᠤᠶᠤ ᠪᠢᠴᠢᠬᠦ᠂ ᠰᠡᠶᠢᠯᠬᠦ᠂ ᠵᠢᠷᠤᠬᠤ︔    ︵ᠶᠢᠰᠦ︶ ᠬᠤᠳᠠ ᠶᠢᠨ ᠳᠤᠲᠤᠷᠠᠬᠢ ᠤᠷᠤᠨ ᠰᠠᠭᠤᠴᠠ ᠶᠢᠨ ᠳᠤᠭᠤᠷᠢᠬ ᠤᠨ ᠳᠤᠲᠤᠷ᠎ᠠ ᠠᠮᠢᠳᠠᠨ ᠵᠢᠭᠦᠷᠳᠡᠨ ᠳᠤᠷ᠎ᠠ ᠪᠠᠷ ᠢᠶᠠᠨ ᠲᠡᠵᠢᠭᠡᠬᠦ︔    ︵ᠠᠷᠪᠠ︶ ᠬᠤᠯᠪᠤᠬᠳᠠᠯ ᠪᠦᠬᠦᠢ ᠳᠤᠬᠳᠠᠭᠠᠯ ᠠᠴᠠ ᠵᠦᠷᠢᠴᠡᠵᠦ ᠰᠢᠳᠠᠮᠠᠬᠠᠢ ᠳᠡᠰᠦᠷᠡᠮᠡᠬᠡᠢ᠂ ᠬᠤᠤᠷ᠎ᠠ ᠲᠠᠢ ᠪᠤᠳᠠᠰ ᠢ ᠬᠠᠳᠠᠭᠠᠯᠠᠬᠤ᠂ ᠬᠤᠤᠷ᠎ᠠ ᠬᠦᠨᠦᠭᠡᠯ ᠲᠠᠢ ᠬᠡᠢ ᠪᠠ ᠬᠠᠶᠠᠬᠳᠠᠮᠠᠯ ᠪᠤᠳᠠᠰ ᠢ ᠲᠠᠯᠪᠢᠵᠤ ᠭᠠᠷᠭᠠᠬᠤ᠂ ᠳᠤᠬᠳᠠᠬᠰᠠᠨ ᠪᠠᠷᠢᠮᠵᠢᠶ᠎ᠠ ᠠᠴᠠ ᠬᠡᠲᠦᠷᠡᠭᠰᠡᠨ ᠱᠤᠤᠬᠢᠶᠠᠨ ᠡᠬᠦᠰᠭᠡᠬᠦ︔    ︵ᠠᠷᠪᠠᠨ ᠨᠢᠬᠡ︶ ᠠᠳᠠᠯ ᠠᠬᠤᠢ ᠶᠢ ᠠᠰᠢᠬᠯᠠᠵᠤ ᠤᠯᠠᠨ ᠨᠡᠶᠢᠳᠡ ᠶᠢᠨ ᠠᠰᠢᠬ ᠳᠤᠰᠠ ᠶᠢ ᠬᠤᠬᠢᠷᠠᠭᠤᠯᠬᠤ ᠪᠠ ᠪᠤᠰᠤᠳ ᠤᠨ ᠬᠠᠤᠯᠢ ᠶᠤᠰᠤᠨ ᠤ ᠡᠷᠭᠡ ᠠᠰᠢᠬ ᠢ ᠬᠤᠬᠢᠷᠠᠭᠤᠯᠬᠤ ᠠᠵᠢᠯᠯᠠᠭ᠎ᠠ ᠡᠷᠬᠢᠯᠡᠬᠦ︔    ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠳᠤ ᠴᠠᠭᠠᠵᠠᠯᠠᠬᠰᠠᠨ ᠪᠤᠰᠤᠳ ᠠᠵᠢᠯᠯᠠᠭ᠎ᠠ᠃    ᠲᠦᠴᠢᠨ ᠲᠠᠪᠤᠳᠤᠭᠠᠷ ᠵᠦᠢᠯ ᠤᠰᠤ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠢᠯᠴᠢ ᠬᠠᠨᠭ᠍ᠭᠠᠬᠤ᠂ ᠬᠡᠢ ᠬᠠᠨᠭ᠍ᠭᠠᠬᠤ᠂ ᠴᠢᠮᠡᠭᠡ ᠬᠤᠯᠪᠣᠭ᠎ᠠ᠂ ᠤᠳᠠᠰᠤᠳᠤ ᠲᠧᠯᠸᠢᠰ ᠵᠡᠷᠭᠡ ᠨᠢᠭᠡᠴᠠ᠂ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠲᠤᠷᠠᠬᠢ ᠬᠤᠯᠪᠤᠬᠳᠠᠯ ᠪᠦᠬᠦᠢ ᠬᠤᠭᠤᠯᠠᠢ ᠤᠳᠠᠰᠤ ᠪᠠ ᠪᠡᠯᠡᠳᠭᠡᠯ ᠲᠦᠭᠦᠭᠡᠷᠦᠮᠵᠢ ᠶᠢ ᠰᠡᠯᠪᠢᠨ ᠵᠠᠰᠠᠵᠤ᠂ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠭᠡᠷᠡᠭᠲᠡᠢ᠃    ᠡᠮᠦᠨ᠎ᠡ ᠪᠠᠳᠠᠬ ᠲᠤ ᠳᠤᠬᠳᠠᠭᠠᠬᠰᠠᠨ ᠨᠢᠭᠡᠴᠠ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠵᠡᠷᠭᠡ ᠬᠡᠷᠡᠭᠴᠡᠭᠡ ᠎ ᠠᠴᠠ ᠪᠤᠯᠵᠤ᠂ ᠵᠠᠮ᠂ ᠳᠠᠯᠠᠪᠤᠷ ᠢ ᠲᠦᠷ ᠴᠠᠬ ᠡᠵᠡᠯᠡᠵᠦ᠂ ᠮᠠᠯᠳᠠᠬᠤ ᠴᠢᠬᠤᠯᠠ ᠲᠠᠢ ᠪᠤᠯ ᠴᠠᠬ ᠳᠤᠬᠠᠢ ᠳᠤᠨᠢ ᠤᠤᠯ ᠪᠠᠶᠢᠳᠠᠯ ᠢ ᠨᠢ ᠰᠡᠷᠭᠦᠭᠡᠵᠦ ᠦᠭᠬᠦ ᠬᠡᠷᠡᠭᠲᠡᠢ᠃    ᠲᠦᠴᠢᠨ ᠵᠢᠷᠭᠤᠳᠤᠭᠠᠷ ᠵᠦᠢᠯ ᠤᠷᠤᠨ ᠰᠠᠭᠤᠴᠠ ᠶᠢᠨ ᠠᠳᠠᠯ ᠠᠬᠤᠢ᠂ ᠤᠷᠤᠨ ᠰᠠᠭᠤᠴᠠ ᠶᠢᠨ ᠳᠤᠭᠤᠷᠢᠬ ᠤᠨ ᠤᠷᠤᠨ ᠰᠠᠭᠤᠴᠠ ᠶᠢᠨ ᠪᠤᠰᠤ ᠠᠳᠠᠯ ᠠᠬᠤᠢ ᠪᠤᠶᠤ ᠳᠠᠩ ᠰᠠᠭᠤᠷᠢ ᠤᠷᠤᠨ ᠰᠠᠭᠤᠴᠠ ᠶᠢᠨ ᠠᠰᠠᠷ ᠎ ᠲᠠᠢ ᠪᠦᠲᠦᠴᠡ ᠨᠢ ᠵᠠᠯᠭᠠᠯᠳᠤᠬᠰᠠᠨ ᠤᠷᠤᠨ ᠰᠠᠭᠤᠴᠠ ᠶᠢᠨ ᠪᠤᠰᠤ ᠠᠳᠠᠯ ᠠᠬᠤᠢ ᠶᠢᠨ ᠦᠮᠴᠢᠳᠡᠨ᠂ ᠤᠯᠤᠰ ᠤᠨ ᠬᠤᠯᠪᠤᠬᠳᠠᠯ ᠪᠦᠬᠦᠢ ᠳᠤᠬᠳᠠᠭᠠᠯ ᠶᠤᠰᠤᠭᠠᠷ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠳᠤᠰᠢᠶᠠᠬᠤ ᠬᠡᠷᠡᠭᠲᠡᠢ᠃    ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠨᠢ ᠦᠮᠴᠢᠳᠡᠨ ᠳᠤ ᠦᠮᠴᠢᠯᠡᠭᠳᠡᠨ᠎ᠡ᠂ ᠠᠰᠠᠷ ᠠᠰᠠᠷ ᠎ ᠢᠶᠠᠷ ᠨᠢ ᠳᠠᠩᠰᠠ ᠪᠠᠶᠢᠭᠤᠯᠵᠤ᠂ ᠳᠤᠰᠬᠠᠢ ᠡᠷᠦᠬᠡ ᠪᠠᠷ ᠬᠠᠳᠠᠭᠠᠯᠠᠨ᠂ ᠡᠷᠦᠬᠡ ᠪᠠᠷ ᠬᠢᠨᠡᠨ ᠪᠤᠳᠤᠵᠤ᠂ ᠠᠳᠠᠯ ᠠᠬᠤᠢ ᠎ ᠶᠢᠨ ᠰᠡᠯᠪᠢᠨ ᠵᠠᠰᠠᠬᠤ ᠪᠠᠳᠤᠯᠠᠭ᠎ᠠ ᠶᠢᠨ ᠬᠤᠭᠤᠴᠠᠭ᠎ᠠ ᠳᠠᠭᠤᠰᠤᠬᠰᠠᠨ ᠤ ᠳᠠᠷᠠᠭ᠎ᠠ᠂ ᠠᠳᠠᠯ ᠠᠬᠤᠢ ᠶᠢᠨ ᠨᠡᠶᠢᠳᠡ ᠎ ᠶᠢᠨ ᠬᠡᠷᠡᠭᠯᠡᠭᠡᠨ ᠤ ᠬᠡᠰᠡᠭ᠂ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢ ᠰᠡᠯᠪᠢᠨ ᠵᠠᠰᠠᠬᠤ ᠪᠠ ᠰᠢᠨᠡᠴᠢᠯᠡᠬᠦ ᠦᠭᠡᠷᠡᠴᠢᠯᠡᠬᠦ ᠳᠤ ᠳᠤᠰᠬᠠᠢ ᠵᠦᠢᠯ ᠢᠶᠠᠷ ᠬᠡᠷᠡᠭᠯᠡᠨ᠎ᠡ᠂ ᠪᠤᠰᠤᠳ ᠭᠠᠵᠠᠷ ᠲᠤ ᠰᠢᠯᠵᠢᠭᠦᠯᠦᠨ ᠬᠡᠷᠡᠭᠯᠡᠵᠦ ᠪᠤᠯᠬᠤ ᠦᠬᠡᠢ᠃    ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ ᠬᠤᠷᠢᠶᠡᠬᠤ ᠬᠠᠮᠢᠶᠠᠷᠬᠤ ᠪᠠ ᠬᠡᠷᠡᠭᠯᠡᠬᠦ ᠳᠤ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠳᠤᠬᠳᠠᠭᠠᠯ ᠢ ᠬᠡᠷᠡᠭᠵᠢᠭᠦᠯᠦᠨ᠎ᠡ᠃      ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ    ᠲᠦᠴᠢᠨ ᠳᠤᠯᠤᠳᠤᠭᠠᠷ ᠵᠦᠢᠯ ᠳᠤᠰ ᠳᠦᠷᠢᠮ ᠤᠨ ᠳᠤᠬᠳᠠᠭᠠᠯ ᠠᠴᠠ ᠵᠦᠷᠢᠴᠡᠵᠦ᠂ ᠤᠷᠤᠨ ᠰᠠᠭᠤᠴᠠ ᠶᠢᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠨᠢᠭᠡᠴᠠ ᠳᠠᠭᠠᠭᠠᠴᠢᠯᠠᠯᠳᠠ ᠵᠠᠷᠯᠠᠵᠤ᠂ ᠳᠠᠭᠠᠭᠠᠴᠢᠯᠠᠯᠳᠠ ᠬᠦᠯᠢᠶᠡᠬᠦ ᠠᠷᠭ᠎ᠠ ᠶᠢ ᠳᠠᠮᠵᠢᠬᠰᠠᠨ ᠦᠭᠡᠢ ᠪᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠰᠠᠨ ᠪᠠᠶᠢᠪᠠᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ ᠰᠡᠷᠡᠮᠵᠢ ᠦᠭᠬᠦ ᠶᠢᠨ ᠬᠠᠮᠲᠤ 5 ᠲᠦᠮᠡᠨ ᠲᠦᠭᠦᠷᠢᠭ ᠎ ᠠᠴᠠ ᠳᠡᠭᠡᠭᠰᠢ 10 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠵᠤ ᠪᠤᠯᠤᠨ᠎ᠠ︔ ᠵᠦᠪᠰᠢᠶᠡᠷᠡᠯ ᠢ ᠳᠠᠮᠵᠢᠬᠰᠠᠨ ᠦᠭᠡᠢ ᠪᠠᠷ ᠳᠤᠷ᠎ᠠ ᠪᠠᠷ ᠢᠶᠠᠨ ᠬᠡᠯᠡᠯᠴᠡᠭᠡᠷ ᠤᠨ ᠠᠷᠭ᠎ᠠ ᠶᠢ ᠬᠡᠷᠡᠭᠯᠡᠵᠦ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠰᠠᠨ ᠪᠠᠶᠢᠪᠠᠯ ᠬᠤᠰᠢᠭᠤ ᠰᠢᠶᠠᠨ ᠤ ᠱᠠᠳᠣᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ ᠰᠡᠷᠡᠮᠵᠢ ᠦᠭᠬᠦ ᠶᠢᠨ ᠬᠠᠮᠲᠤ 1 ᠲᠦᠮᠡᠨ ᠲᠦᠭᠦᠷᠢᠭ ᠠᠴᠠ ᠳᠡᠭᠡᠭᠰᠢ 5 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠵᠤ ᠪᠤᠯᠤᠨ᠎ᠠ᠃    ᠲᠦᠴᠢᠨ ᠨᠠᠢᠮᠠᠳᠤᠭᠠᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠬᠢᠷᠢ ᠭᠡᠮ ᠤᠨ ᠦᠨᠡᠮᠯᠡᠯ ᠤᠯᠤᠬᠰᠠᠨ ᠦᠭᠡᠢ ᠪᠠᠷ ᠠᠳᠠᠯ ᠠᠬᠤᠢ ᠶᠢᠨ ᠬᠠᠮᠢᠶᠠᠷᠤᠯᠳᠠ ᠡᠷᠬᠢᠯᠡᠭᠰᠡᠨ ᠪᠠᠶᠢᠪᠠᠯ ᠬᠤᠰᠢᠭᠤ ᠰᠢᠶᠠᠨ ᠤ ᠱᠠᠳᠤᠨ ᠎ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠳᠤ 5 ᠲᠦᠮᠡᠨ ᠲᠦᠭᠦᠷᠢᠭ ᠠᠴᠠ ᠳᠡᠭᠡᠭᠰᠢ 20 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠨ᠎ᠠ︔ ᠦᠮᠴᠢᠳᠡᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ ᠡᠭᠦᠷᠭᠡᠯᠡᠨ᠎ᠡ᠃    ᠮᠡᠬᠡᠯᠡᠬᠦ ᠠᠷᠭ᠎ᠠ ᠪᠠᠷ ᠬᠢᠷᠢ ᠭᠡᠮ ᠤᠨ ᠦᠨᠡᠮᠯᠡᠯ ᠤᠯᠤᠬᠰᠠᠨ ᠪᠠᠶᠢᠪᠠᠯ ᠳᠤᠰ ᠵᠦᠢᠯ ᠤᠨ ᠨᠢᠭᠡᠳᠦᠭᠡᠷ ᠪᠠᠳᠠᠬ ᠤᠨ ᠳᠤᠭᠳᠠᠭᠠᠯ ᠶᠤᠰᠤᠭᠠᠷ ᠰᠢᠳᠭᠡᠨ ᠳᠤᠷᠭᠠᠬᠤ ᠶᠢᠨ ᠬᠠᠮᠳᠤ ᠬᠢᠷᠢ ᠭᠡᠮ ᠤᠨ ᠦᠨᠡᠮᠯᠠᠯ ᠤᠯᠭᠤᠬᠰᠠᠨ ᠰᠠᠯᠠᠭ᠎ᠠ ᠮᠦᠴᠢᠷ ᠎ ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ᠃    ᠲᠦᠴᠢ ᠶᠢᠰᠦᠳᠦᠭᠡᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠪᠦᠬᠦ ᠠᠳᠠᠯ ᠠᠬᠤᠢ ᠶᠢᠨ ᠬᠠᠮᠢᠶᠠᠷᠤᠯᠳᠠ ᠶᠢ ᠵᠡᠷᠭᠡ ᠪᠠᠷ ᠨᠢ ᠪᠤᠰᠤᠳ ᠲᠤ ᠨᠠᠶᠢᠳᠠᠬᠰᠠᠨ ᠪᠠᠶᠢᠪᠠᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ ᠨᠠᠶᠢᠳᠠᠯᠭ᠎ᠠ ᠶᠢᠨ ᠭᠡᠷ᠎ᠡ ᠳᠠᠬᠢ ᠦᠨ᠎ᠠ ᠬᠠᠨᠭ᠍ᠰᠢ ᠶᠢᠨ 30%᠎ ᠠᠴᠠ ᠳᠡᠭᠡᠭᠰᠢ 50%᠎ ᠠᠴᠠ ᠳᠤᠷᠤᠬᠰᠢ ᠵᠤᠭᠤᠰ ᠎ ᠢᠶᠠᠷ ᠳᠤᠷᠭᠠᠨ᠎ᠠ︔ ᠪᠠᠶᠢᠳᠠᠯ ᠨᠢ ᠬᠦᠨᠲᠦ ᠨᠤᠴᠢᠲᠠᠢ ᠪᠤᠯ ᠬᠢᠷᠢ ᠭᠡᠮ ᠤᠨ ᠦᠨᠡᠮᠯᠠᠯ ᠤᠯᠭᠤᠬᠰᠠᠨ ᠰᠠᠯᠠᠭ᠎ᠠ ᠮᠦᠴᠢᠷ ᠎ ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ᠃ ᠨᠠᠶᠢᠳᠠᠯᠭ᠎ᠠ ᠠᠴᠠ ᠤᠯᠤᠬᠰᠠᠨ ᠠᠰᠢᠬ ᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠬᠡᠰᠡᠭ᠂ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠳᠤ ᠬᠡᠷᠡᠭᠯᠡᠨ᠎ᠡ᠂ ᠦᠯᠡᠳᠡᠭᠰᠡᠨ ᠬᠡᠰᠡᠭ ᠢ ᠨᠢ ᠦᠮᠴᠢᠳᠡᠳ ᠤᠨ ᠶᠡᠭᠡ ᠬᠤᠷᠠᠯ ᠤᠨ ᠳᠤᠬᠳᠠᠭᠠᠯ ᠶᠤᠰᠤᠭᠠᠷ ᠬᠡᠷᠡᠭᠯᠡᠨ᠎ᠡ︔ ᠦᠮᠴᠢᠳᠡᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ ᠡᠭᠦᠷᠭᠡᠯᠡᠨ᠎ᠡ᠃    ᠲᠠᠪᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤᠬᠳᠠᠭᠠᠯ ᠢ ᠬᠡᠷᠡᠭᠵᠢᠭᠦᠯᠦᠭᠰᠡᠨ ᠦᠭᠡᠢ ᠠᠴᠠ ᠦᠮᠴᠢᠳᠡᠨ ᠤ ᠪᠡᠶ᠎ᠡ ᠮᠠᠬᠠᠪᠤᠳ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠵᠤᠬᠢᠴᠠᠩᠭᠤᠢ ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃    ᠲᠠᠪᠢᠨ ᠨᠢᠭᠡᠳᠦᠭᠡᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ ᠰᠢᠯᠵᠢᠬᠦᠯᠦᠨ ᠬᠡᠷᠡᠭᠯᠡᠭᠰᠡᠨ ᠪᠠᠶᠢᠪᠠᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠷᠠᠷᠬᠤ ᠰᠠᠯᠠᠭ᠎ᠠ ᠮᠦᠴᠢᠷ ᠠᠴᠠ ᠰᠢᠯᠵᠢᠬᠦᠯᠦᠨ ᠬᠡᠷᠡᠭᠯᠡᠭᠰᠡᠨ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ ᠨᠡᠬᠡᠮᠵᠢᠯᠡᠨ ᠠᠪᠴᠢᠷᠠᠬᠤ ᠶᠢᠨ ᠬᠠᠮᠳᠤ ᠰᠡᠷᠡᠮᠵᠢ ᠦᠭᠴᠦ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠮᠵᠢᠯᠠᠬᠤ ᠶᠢᠨ ᠬᠠᠮᠳᠤ᠂ ᠰᠢᠯᠵᠢᠬᠦᠯᠦᠨ ᠬᠡᠷᠡᠭᠯᠡᠭᠰᠡᠨ ᠳᠤᠭ᠎ᠠ ᠶᠢᠨ ᠬᠤᠶᠠᠷ ᠳᠠᠬᠢᠨ ᠠᠴᠠ ᠳᠤᠷᠤᠬᠰᠢ ᠵᠤᠭᠤᠰ ᠢᠶᠠᠷ ᠳᠤᠷᠭᠠᠵᠤ ᠪᠤᠯᠤᠨ᠎ᠠ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ ᠰᠢᠯᠵᠢᠬᠦᠯᠦᠨ ᠬᠡᠷᠡᠭᠯᠡᠭᠰᠡᠨ ᠪᠦᠭᠡᠳ ᠦᠢᠯᠡ ᠪᠠᠶᠢᠳᠠᠯ ᠨᠢ ᠬᠦᠨᠳᠤ ᠨᠤᠴᠢᠳᠠᠢ ᠪᠤᠯ ᠬᠢᠷᠢ ᠭᠡᠮ ᠤᠨ ᠦᠨᠡᠮᠯᠡᠯ ᠤᠯᠭᠤᠬᠰᠠᠨ ᠰᠠᠯᠠᠭ᠎ᠠ ᠮᠦᠴᠢᠷ ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ︔ ᠶᠠᠯ᠎ᠠ ᠳᠤ ᠬᠦᠷᠦᠭᠰᠡᠨ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠬᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠲᠠᠪᠢᠨ ᠬᠤᠶᠠᠳᠤᠭᠠᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠠᠵᠦ᠂ ᠪᠦᠲᠦᠭᠡᠨ ᠪᠠᠶᠢᠭᠤᠯᠤᠭᠰᠠᠨ ᠨᠢᠭᠡᠴᠠ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠲᠤᠷ᠎ᠠ ᠠᠳᠠᠯ ᠠᠬᠤᠢ ᠶᠢᠨ ᠬᠠᠮᠢᠶᠠᠷᠤᠯᠳᠠ ᠳᠤ ᠭᠡᠷᠡᠭᠯᠡᠬᠦ ᠴᠢᠬᠤᠯᠠ ᠪᠦᠬᠦᠢ ᠭᠡᠷ᠎ᠡ ᠶᠢ ᠳᠤᠬᠳᠠᠭᠠᠯ ᠶᠤᠰᠤᠭᠠᠷ ᠳᠤᠬᠢᠷᠠᠭᠤᠯᠤᠬᠰᠠᠨ ᠦᠭᠡᠢ ᠪᠤᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠬᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠎ ᠶᠢᠨ ᠬᠠᠮᠳᠤ ᠰᠡᠷᠡᠮᠵᠢ ᠦᠭᠭᠦᠨ᠎ᠡ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠮᠵᠢᠯᠠᠬᠤ ᠶᠢᠨ ᠬᠠᠮᠳᠤ 10 ᠲᠦᠮᠡᠨ ᠲᠦᠬᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠨ᠎ᠠ᠃    ᠲᠠᠪᠢᠨ ᠭᠤᠷᠪᠠᠳᠤᠭᠠᠷ ᠵᠦᠢᠯ ᠳᠤᠰ ᠲᠤᠷᠢᠮ ᠤᠨ ᠲᠦᠴᠢᠨ ᠲᠦᠷᠪᠡᠳᠦᠭᠡᠷ ᠵᠦᠢᠯ ᠤᠨ ︵ᠲᠠᠪᠤ︶᠂ ︵ᠳᠤᠯᠤᠭ᠎ᠠ︶᠂ ︵ᠨᠠᠢᠮᠠ︶ ᠳ᠋ᠤᠭᠠᠷ ᠵᠤᠷᠪᠤᠰ ᠤᠨ ᠳᠤᠬᠳᠠᠭᠠᠯ ᠠᠴᠠ ᠵᠦᠷᠢᠴᠡᠭᠰᠡᠨ ᠪᠠᠶᠢᠪᠠᠯ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠰᠡᠷᠡᠮᠵᠢ ᠦᠭᠬᠦᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ ᠤᠤᠯ ᠪᠠᠶᠢᠳᠠᠯ ᠢ ᠨᠢ ᠰᠡᠷᠬᠦᠬᠡᠬᠦ ᠬᠡᠷᠡᠭᠲᠡᠢ︔ ᠬᠤᠭᠤᠴᠠᠭ᠎ᠠ ᠨᠢ ᠬᠡᠳᠦᠷᠡᠭᠰᠡᠨ ᠪᠠᠶᠢᠳᠠᠯ᠎ᠠ ᠦᠯᠦ ᠵᠠᠯᠠᠷᠠᠭᠤᠯᠤᠬᠰᠠᠨ ᠪᠠᠶᠢᠪᠠᠯ 100 ᠲᠦᠭᠦᠷᠢᠭ ᠠᠴᠠ ᠳᠡᠭᠡᠭᠰᠢ 2000 ᠲᠦᠬᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠨ᠎ᠠ︔ ᠪᠤᠰᠤᠳ ᠲᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ ᠡᠭᠦᠷᠭᠡᠯᠡᠨ᠎ᠡ︔ ᠳᠤᠰ ᠵᠦᠢᠯ ᠤᠨ ᠪᠤᠰᠤᠳ ᠳᠤᠬᠳᠠᠭᠠᠯ ᠢ ᠵᠦᠷᠢᠴᠡᠭᠰᠡᠨ ᠪᠠᠶᠢᠪᠠᠯ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠤᠨ ᠳᠤᠬᠳᠠᠭᠠᠯ ᠶᠤᠰᠤᠭᠠᠷ ᠰᠢᠳᠭᠡᠨ ᠳᠤᠷᠭᠠᠨ᠎ᠠ᠃    ᠲᠠᠪᠢᠨ ᠲᠦᠷᠪᠡᠲᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤᠬᠳᠠᠭᠠᠯ ᠠᠴᠠ ᠵᠦᠷᠢᠴᠡᠵᠦ᠂ ᠬᠤᠭᠤᠴᠠᠭ᠎ᠠ ᠨᠢ ᠬᠡᠲᠦᠷᠡᠭᠰᠡᠨ ᠪᠠᠶᠢᠳᠠᠯ᠎ᠠ ᠦᠮᠴᠢᠳᠡᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢᠶᠠᠨ ᠳᠤᠰᠢᠶᠠᠬᠰᠠᠨ ᠦᠭᠡᠢ ᠪᠦᠭᠡᠳ ᠦᠮᠴᠢᠳᠡᠨ ᠤ ᠵᠦᠪᠯᠡᠯ ᠠᠴᠠ ᠬᠤᠭᠤᠴᠠᠭ᠎ᠠ ᠬᠢᠵᠠᠭᠠᠷᠯᠠᠨ ᠳᠤᠰᠢᠶᠠᠯᠭᠠᠬᠤ ᠪᠠᠷ ᠱᠠᠭᠠᠷᠳᠠᠭᠠᠳ ᠮᠦᠨ ᠬᠦ ᠦᠯᠦ ᠳᠤᠰᠢᠶᠠᠬᠰᠠᠨ ᠪᠠᠶᠢᠪᠠᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠤ ᠠᠬᠤᠢᠢᠯᠠᠯ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠤ ᠪᠤᠯᠤᠨ᠎ᠠ᠃    ᠲᠠᠪᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠪᠤᠰᠤᠳ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠳᠡᠭᠦᠨ ᠤ ᠠᠵᠢᠯᠳᠠᠨ ᠳᠤᠰ ᠲᠦᠷᠢᠮ ᠤᠨ ᠳᠤᠬᠳᠠᠭᠠᠯ ᠠᠴᠠ ᠵᠦᠷᠢᠴᠡᠭᠰᠡᠨ ᠪᠦᠬᠡᠳ ᠳᠤᠤᠷᠠᠬᠢ ᠨᠢᠭᠡ ᠵᠦᠢᠯ ᠤᠨ ᠠᠵᠢᠯᠯᠠᠭ᠎ᠠ ᠎ ᠲᠠᠢ ᠪᠠᠶᠢᠪᠠᠯ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠬᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ ᠰᠢᠳᠭᠡᠯ ᠦᠭᠭᠦᠨ᠎ᠡ︔ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ ᠡᠭᠦᠷᠭᠡᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄    ︵ᠨᠢᠭᠡ︶ ᠬᠢᠷᠢ ᠭᠡᠮ ᠤᠨ ᠨᠦᠬᠦᠴᠡᠯ ᠳᠤ ᠦᠯᠦ ᠬᠦᠷᠬᠦ ᠠᠵᠤ ᠠᠬᠤᠢᠢᠯᠠᠯ ᠳᠤ ᠬᠢᠷᠢ ᠭᠡᠮ ᠤᠨ ᠳᠡᠰ ᠤᠨ ᠦᠨᠡᠮᠯᠡᠯ ᠤᠯᠭᠤᠬᠰᠠᠨ ᠪᠤᠶᠤ ᠨᠦᠬᠦᠴᠡᠯ ᠳᠤ ᠬᠦᠷᠬᠦ ᠠᠵᠤ ᠠᠬᠤᠢᠢᠯᠠᠯ ᠢ ᠬᠢᠨᠠᠨ ᠵᠦᠪᠰᠢᠶᠡᠷᠡᠬᠦ ᠭᠡᠷᠡᠭᠲᠡᠢ ᠪᠠᠶᠢᠳᠠᠯ᠎ᠠ ᠳᠤᠬᠳᠠᠬᠰᠠᠨ ᠴᠠᠬ ᠤᠨ ᠳᠤᠲᠤᠷ᠎ᠠ ᠦᠯᠦ ᠬᠢᠨᠠᠨ ᠵᠦᠪᠰᠢᠶᠡᠷᠡᠭᠰᠡᠨ︔    ︵ᠬᠤᠶᠠᠷ︶ ᠳᠤᠰᠢᠶᠠᠯ ᠤᠨ ᠲᠦᠭᠦᠮ ᠢᠶᠠᠨ ᠠᠰᠢᠬᠯᠠᠵᠤ᠂ ᠪᠤᠰᠤᠳ ᠠᠴᠠ ᠡᠳ᠋ ᠪᠤᠳᠠᠰ ᠪᠤᠶᠤ ᠪᠤᠰᠤᠳ ᠠᠰᠢᠬ ᠬᠦᠷᠳᠡᠭᠰᠡᠨ︔    ︵ᠭᠤᠷᠪᠠ︶ ᠬᠢᠨᠠᠨ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠭᠰᠡᠨ ᠦᠭᠡᠢ ᠪᠤᠶᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠮᠡᠳᠡᠬᠦ ᠪᠠᠶᠢᠳᠠᠯ᠎ᠠ ᠦᠯᠦ ᠪᠠᠶᠢᠴᠠᠭᠠᠨ ᠰᠢᠳᠭᠡᠭᠰᠡᠨ︔    ︵ᠲᠦᠷᠪᠡ︶ ᠠᠳᠠᠯ ᠠᠬᠤᠢ ᠶᠢᠨ ᠬᠠᠮᠢᠶᠠᠷᠤᠯᠳᠠ ᠶᠢᠨ ᠵᠠᠭᠠᠯᠳᠤᠯᠭ᠎ᠠ ᠶᠢ ᠳᠤᠬᠳᠠᠭᠠᠯ ᠶᠤᠰᠤᠭᠠᠷ ᠬᠦᠯᠢᠶᠡᠨ ᠠᠪᠴᠤ ᠰᠢᠢᠳᠪᠦᠷᠢᠯᠡᠭᠰᠡᠨ ᠦᠭᠡᠢ ᠠᠴᠠ ᠪᠤᠯᠵᠤ ᠬᠦᠨᠲᠦ ᠨᠤᠴᠢᠳᠠᠢ ᠦᠷ᠎ᠡ ᠳ᠋ᠦᠠᠭ ᠭᠠᠷᠭᠠᠬᠰᠠᠨ︔    ︵ᠲᠠᠪᠤ︶ ᠳᠤᠰ ᠲᠦᠷᠢᠮ ᠤᠨ ᠳᠤᠬᠳᠠᠭᠠᠯ ᠠᠴᠠ ᠵᠦᠷᠢᠴᠡᠭᠰᠡᠨ ᠪᠤᠰᠤᠳ ᠠᠵᠢᠯᠯᠠᠭ᠎ᠠ᠃      ᠳᠤᠯᠤᠳᠤᠭᠠᠷ ᠪᠦᠯᠦᠭ ᠳᠠᠭᠠᠯᠳᠤᠭᠤᠯᠤᠬᠰᠠᠨ ᠲᠦᠷᠢᠮ    ᠲᠠᠪᠢᠨ ᠵᠢᠷᠭᠤᠳᠤᠭᠠᠷ ᠵᠦᠢᠯ ᠳᠤᠰ ᠲᠦᠷᠢᠮ ᠳᠠᠬᠢ ᠳᠤᠤᠷᠠᠬᠢ ᠦᠭᠡ ᠶᠢᠨ ᠤᠳᠬ᠎ᠠ᠄    ︵ᠨᠢᠭᠡ︶ ᠠᠳᠠᠯ ᠠᠬᠤᠢ ᠭᠡᠳᠡᠭ ᠨᠢ ᠭᠡᠷ ᠪᠠᠶᠢᠰᠢᠩ ᠵᠢᠴᠢ ᠳᠡᠬᠦᠨ ᠯᠦᠭᠡ ᠢᠵᠢ ᠪᠦᠷᠢᠳᠦᠭᠰᠡᠨ ᠪᠡᠯᠡᠳᠭᠡᠯ ᠲᠦᠭᠦᠭᠡᠷᠦᠮᠵᠢ ᠪᠠ ᠬᠤᠯᠪᠤᠬᠳᠠᠯ ᠪᠦᠬᠦᠢ ᠳᠠᠯᠠᠪᠤᠷ ᠵᠡᠷᠭᠡ ᠶᠢ ᠵᠢᠭᠠᠨ᠎ᠠ︔    ︵ᠬᠤᠶᠠᠷ︶ ᠠᠳᠠᠯ ᠠᠬᠤᠢ ᠶᠢᠨ ᠬᠠᠮᠢᠶᠠᠷᠤᠯᠳᠠ ᠭᠡᠳᠡᠭ ᠨᠢ ᠦᠮᠴᠢᠳᠡᠨ ᠠᠳᠠᠯ ᠠᠬᠤᠢ  ᠎ ᠶᠢᠨ ᠦᠢᠯᠡᠴᠢᠯᠡᠭᠡᠨ ᠤ ᠠᠵᠤ ᠠᠬᠤᠢᠢᠯᠠᠯ ᠰᠤᠩᠭᠤᠨ ᠤᠷᠢᠬᠤ ᠪᠠᠷ ᠳᠠᠮᠵᠢᠭᠠᠳ᠂ ᠦᠮᠴᠢᠳᠡᠨ ᠪᠠ ᠠᠳᠠᠯ ᠠᠬᠤᠢ  ᠎ ᠶᠢᠨ ᠦᠢᠯᠡᠴᠢᠯᠡᠭᠡᠨ ᠎ ᠤ ᠠᠵᠤ ᠠᠬᠤᠢᠢᠯᠠᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠳᠤᠬᠳᠠᠭᠠᠯ ᠶᠤᠰᠤᠭᠠᠷ ᠭᠡᠷ ᠪᠠᠶᠢᠰᠢᠩ ᠵᠢᠴᠢ ᠢᠵᠢ ᠪᠦᠷᠢᠳᠦᠭᠦᠯᠬᠦ ᠪᠡᠯᠡᠳᠭᠡᠯ ᠲᠦᠬᠦᠭᠡᠷᠦᠮᠵᠢ ᠪᠠ ᠬᠤᠯᠪᠤᠬᠳᠠᠯ ᠪᠦᠬᠦᠢ ᠳᠠᠯᠠᠪᠤᠷ ᠢ ᠰᠡᠯᠪᠢᠨ ᠵᠠᠰᠠᠬᠤ ᠪᠠ ᠠᠷᠠᠴᠢᠯᠠᠵᠤ᠂ ᠬᠠᠮᠢᠶᠠᠷᠤᠨ ᠬᠠᠮᠠᠭᠠᠯᠠᠵᠤ᠂ ᠬᠤᠯᠪᠤᠬᠳᠠᠯ ᠪᠦᠬᠦᠢ ᠤᠷᠤᠨ  ᠤ ᠳᠤᠳᠤᠷᠠᠬᠢ ᠤᠷᠴᠢᠨ ᠳᠤᠭᠤᠷᠢᠨ  ᠤ ᠠᠷᠢᠭᠤᠨ ᠴᠡᠪᠡᠷ ᠪᠠ ᠤᠯᠠᠨ ᠨᠠᠶᠢᠳᠡ ᠶᠢᠨ ᠡᠮᠬᠢ ᠵᠢᠷᠣᠮ ᠢ ᠬᠠᠮᠠᠭᠠᠯᠠᠬᠤ ᠠᠵᠢᠯᠯᠠᠭ᠎ᠠ ᠶᠢ ᠵᠢᠭᠠᠨ᠎ᠠ︔    ︵ᠭᠤᠷᠪᠠ︶ ᠠᠳᠠᠯ ᠠᠬᠤᠢ ᠶᠢ ᠭᠡᠷᠡᠭᠯᠡᠭᠴᠢ ᠬᠦᠮᠦᠨ ᠭᠡᠳᠡᠭ ᠨᠢ ᠠᠳᠠᠯ ᠠᠬᠤᠢ ᠶᠢ ᠳᠦᠷᠢᠶᠡᠰᠦᠯᠡᠭᠴᠢ ᠪᠠ ᠠᠳᠠᠯ ᠠᠬᠤᠢ ᠶᠢ ᠪᠤᠳᠠᠳᠠᠢ ᠭᠡᠷᠡᠭᠯᠡᠬᠦ ᠪᠤᠰᠤᠳ ᠬᠦᠮᠦᠰ ᠢ ᠵᠢᠭᠠᠨ᠎ᠠ︔    ︵ᠲᠦᠷᠪᠡ︶ ᠭᠡᠷ ᠪᠠᠶᠢᠰᠢᠩ  ᠤᠨ ᠬᠦᠨᠳᠤ  ᠎ ᠶᠢ ᠳᠠᠭᠠᠭᠠᠬᠤ ᠪᠦᠳᠦᠴᠡ ᠭᠡᠳᠡᠭ ᠪᠤᠯ ᠭᠡᠷ ᠪᠠᠶᠢᠰᠢᠩ ᠎ ᠤᠨ ᠰᠠᠭᠤᠷᠢ᠂ ᠠᠰᠠᠷ  ᠤᠨ ᠬᠠᠪᠳᠠᠰᠤ᠂ ᠭᠡᠷ  ᠤᠨ ᠤᠷᠤᠢ᠂ ᠨᠢᠷᠤᠭᠤ᠂ ᠳᠤᠯᠭᠠᠭᠤᠷᠢ᠂ ᠬᠦᠨᠳᠦ ᠶᠢ ᠳᠠᠭᠠᠭᠠᠬᠤ ᠭᠡᠷᠡᠮ ᠵᠡᠷᠭᠡ ᠶᠢ ᠵᠢᠭᠠᠨ᠎ᠠ︔    ︵ᠲᠠᠪᠤ︶ ᠨᠡᠶᠢᠳᠡ ᠶᠢᠨ ᠬᠡᠷᠡᠭᠯᠡᠭᠡᠨ ᠤ ᠬᠡᠰᠡᠭ ᠭᠡᠳᠡᠭ ᠨᠢ ᠦᠮᠴᠢᠳᠡᠨ ᠨᠡᠶᠢᠳᠡ ᠪᠠᠷ ᠢᠶᠠᠨ ᠬᠡᠷᠡᠭᠯᠡᠵᠦ ᠪᠠᠶᠢᠭ᠎ᠠ ᠠᠰᠠᠷ ᠤᠨ ᠱᠠᠳᠤ᠂ ᠤᠰᠤᠨ ᠰᠢᠬᠠᠭᠤᠷ ᠤᠨ ᠳᠠᠰᠤᠬ᠂ ᠴᠠᠬᠢᠯᠭᠠᠨ ᠤ ᠭᠡᠮᠵᠢᠬᠦᠷ ᠤᠨ ᠳᠠᠰᠤᠬ᠂ ᠴᠠᠬᠢᠯᠭᠠᠨ ᠱᠠᠳᠤᠨ ᠤ ᠳᠠᠰᠤᠬ᠂ ᠣᠳᠠᠰᠣ ᠶᠢᠨ ᠰᠠᠯᠪᠤᠷᠢ ᠤᠳᠠᠰᠤᠨ ᠤ ᠳᠠᠰᠤᠬ᠂ ᠴᠠᠬᠢᠯᠭᠠᠨ ᠱᠠᠳᠤᠨ ᠤ ᠮᠠᠰᠢᠨ ᠤ ᠭᠡᠷ᠂ ᠬᠤᠨᠭ᠍ᠬᠢᠯ ᠤᠨ ᠨᠡᠪᠳᠡᠷᠡᠬᠦ ᠵᠠᠮ᠂ ᠡᠬᠦᠳᠡᠨ ᠲᠢᠩᠬᠢᠮ᠂ ᠳᠠᠮᠵᠢᠭᠤᠯᠬᠤ ᠳᠠᠰᠤᠬ᠂ ᠳᠤᠳᠤᠷ᠎ᠠ ᠳᠤᠭᠤᠨᠤ ᠵᠢᠴᠢ ᠭᠡᠷ ᠪᠠᠶᠢᠰᠢᠩ ᠤᠨ ᠬᠦᠨᠳᠤ ᠶᠢ ᠳᠠᠭᠠᠭᠠᠬᠤ ᠪᠦᠳᠦᠴᠡ᠂ ᠭᠠᠳᠠᠷ ᠭᠡᠷᠡᠮ᠂ ᠬᠤᠨᠭ᠍ᠬᠢᠯ ᠤᠨ ᠭᠡᠷᠡᠮ ᠵᠡᠷᠭᠡ ᠶᠢ ᠵᠢᠭᠠᠨ᠎ᠠ︔    ︵ᠵᠢᠷᠭᠤᠭ᠎ᠠ︶ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠭᠡᠳᠡᠭ ᠨᠢ ᠦᠮᠴᠢᠳᠡᠨ ᠤ ᠬᠠᠮᠳᠤ ᠪᠠᠷ ᠬᠡᠷᠡᠭᠯᠡᠬᠦ ᠤᠰᠤ ᠭᠠᠳᠠᠬᠰᠢᠯᠠᠭᠤᠯᠬᠤ ᠬᠤᠭᠤᠯᠠᠢ᠂ ᠤᠰᠤ ᠪᠠᠭᠤᠬᠤ ᠬᠤᠭᠤᠯᠠᠢ᠂ ᠭᠡᠷᠡᠯᠳᠦᠭᠦᠯᠭᠡ ᠶᠢᠨ ᠳ᠋ᠧᠩ᠂ ᠬᠤᠬ ᠨᠤᠪᠰᠢ ᠶᠢᠨ ᠨᠦᠬᠡ᠂ ᠠᠭᠠᠷ ᠤᠳᠠᠰᠤ᠂ ᠤᠰᠤᠨ ᠬᠠᠶᠢᠷᠴᠠᠬ᠂ ᠤᠰᠤᠨ ᠰᠢᠬᠠᠭᠤᠷ᠂ ᠴᠠᠬᠢᠯᠭᠠᠨ ᠱᠠᠳᠤ᠂ ᠠᠶᠤᠩᠭ᠎ᠠ ᠰᠠᠷᠨᠢᠭᠤᠯᠬᠤ ᠳᠤᠨᠤᠬᠯᠠᠯ᠂ ᠭᠠᠯ ᠰᠡᠷᠭᠡᠶᠢᠯᠡᠬᠦ ᠪᠡᠯᠡᠳᠭᠡᠮᠵᠢ ᠵᠢᠴᠢ ᠵᠠᠮ᠂ ᠵᠤᠭᠤᠷᠢ᠂ ᠪᠠᠭᠠᠰᠤᠨ ᠵᠤᠭᠤᠷᠢ᠂ ᠬᠤᠬ ᠨᠤᠪᠰᠢ ᠬᠠᠶᠠᠬᠳᠠᠮᠠᠯ ᠪᠤᠳᠠᠰ ᠢ ᠬᠠᠳᠠᠭᠠᠯᠠᠬᠤ ᠲᠦᠬᠦᠭᠡᠷᠦᠮᠵᠢ᠂ ᠨᠤᠭᠤᠭᠠᠷᠠᠭᠤᠯᠤᠭᠰᠠᠨ ᠭᠠᠵᠠᠷ ᠵᠡᠷᠭᠡ ᠶᠢ ᠵᠢᠭᠠᠨ᠎ᠠ᠃    ᠲᠠᠪᠢᠨ ᠳᠤᠯᠤᠳᠤᠭᠠᠷ ᠵᠦᠢᠯ ᠳᠤᠰ ᠲᠦᠷᠢᠮ ᠢ 2008 ᠤᠨ ᠤ 12 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠤᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号