| | | ︵2007 ᠤᠨ ᠤ 11 ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠣᠨ ᠤ | ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠨ ᠨᠢᠭᠡᠳᠥᠭᠡᠷ ᠬᠤᠷᠠᠯ ᠠᠴᠠ ᠪᠠᠲᠣᠯᠠᠪᠠ︶ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠣᠨ ᠤ ᠠᠷᠪᠠᠳᠣᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ | ᠳᠠᠪᠢᠨ ᠲᠦᠷᠪᠡᠳᠤᠭᠡᠷ ᠳᠤᠭᠠᠳᠤ | 2007 ᠤᠨ ᠤ 11 ᠰᠠᠷ᠎ᠠ ᠶᠢᠨ 30 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠣᠨ ᠤ | ᠠᠷᠪᠠᠳᠣᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠨ ᠨᠢᠭᠡᠳᠥᠭᠡᠷ ᠬᠤᠷᠠᠯ ᠠᠴᠠ ︽ᠥᠪᠥᠷ ᠮᠣᠩᠭᠤᠯ ᠤᠨ ᠥᠪᠡᠷᠳᠡᠭᠡᠨ ᠵᠠᠰᠠᠬᠤ ᠤᠷᠣᠨ ᠤ ᠵᠠᠮ ᠲᠡᠭᠡᠭᠡᠪᠥᠷᠢ | ᠶᠢᠨ ᠲᠥᠷᠢᠮ︾ ᠢ ᠪᠠᠲᠣᠯᠠᠪᠠ᠂ ᠤᠳᠤ ᠨᠡᠶᠢᠲᠡᠯᠠᠶᠡ᠂ 2008 ᠤᠨ ᠤ 2 ᠰᠠᠷ᠎ᠠ ᠶᠢᠨ 1 ᠤ ᠡᠳᠥᠷ ᠠᠴᠠ ᠡᠬᠢᠯᠡᠨ | ᠬᠡᠷᠡᠭᠵᠢᠭᠦᠯᠳᠥᠭᠡᠢ᠃ 1998 ᠤᠨ ᠤ 9 ᠰᠠᠷ᠎ᠠ ᠶᠢᠨ 28 ᠤ ᠡᠳᠥᠷ ᠤᠨ ᠥᠪᠥᠷ ᠮᠣᠩᠭᠤᠯ ᠤᠨ ᠦᠪᠡᠷᠲᠡᠭᠡᠡ | ᠵᠠᠰᠠᠬᠤ ᠤᠷᠤᠨ ᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠶᠢᠨ ᠲᠠᠪᠣᠳᠣᠭᠠᠷ ᠬᠤᠷᠠᠯ ᠠᠴᠠ ᠪᠠᠳᠣᠯᠠᠭᠰᠠᠨ ︽ᠥᠪᠥᠷ ᠮᠣᠩᠭᠤᠯ ᠤᠨ ᠥᠪᠡᠷᠳᠡᠭᠡᠨ ᠵᠠᠰᠠᠬᠤ | ᠤᠷᠣᠨ ᠤ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠲᠥᠷᠢᠮ︾ ᠢ ᠬᠠᠮᠲᠣ ᠳᠤᠨᠢ ᠬᠥᠴᠥᠨ ᠥᠭᠡᠢ ᠪᠤᠯᠭᠠᠨ᠎ᠠ᠃ | 2007 ᠤᠨ ᠤ 11 ᠰᠠᠷ᠎ᠠ ᠶᠢᠨ 30 ᠤ ᠡᠳᠦᠷ | | | ᠨᠢᠭᠡᠳᠥᠭᠡᠷ ᠪᠥᠯᠥᠭ ᠶᠡᠷᠥᠩᠬᠡᠢ ᠲᠥᠷᠢᠮ | ᠨᠢᠭᠡᠳᠥᠭᠡᠷ ᠵᠥᠢᠯ ᠵᠠᠮ ᠲᠡᠭᠡᠭᠡᠪᠥᠷᠢ ᠶᠢᠨ ᠡᠵᠡᠩᠨᠡᠯᠲᠡ ᠪᠠ ᠬᠠᠮᠢᠶᠠᠷᠣᠯᠲᠠ ᠶᠢᠨ ᠠᠵᠢᠯ ᠢ ᠵᠢᠷᠣᠮᠵᠢᠭᠤᠯᠵᠣ᠂ | ᠵᠠᠮ ᠲᠡᠭᠡᠭᠡᠪᠥᠷᠢ ᠶᠢᠨ ᠠᠶᠣᠯᠭᠦᠢ ᠶᠢ ᠪᠠᠲᠣᠯᠠᠵᠣ᠂ ᠲᠣᠬᠠᠢ ᠶᠢᠨ ᠬᠥᠮᠥᠨ ᠤ ᠬᠠᠥᠯᠢ ᠶᠤᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠥᠯᠥᠭᠡ᠂ ᠣᠯᠣᠰ ᠤᠨ ᠬᠤᠯᠪᠣᠭᠳᠠᠯ ᠪᠥᠬᠦᠢ ᠬᠠᠥᠯᠢ ᠴᠠᠭᠠᠵᠠ᠂ ᠬᠠᠥᠯᠢ ᠲᠤᠭᠲᠠᠭᠠᠯ ᠢ | ᠥᠨᠳᠥᠰᠥᠯᠡᠵᠣ᠂ ᠥᠪᠡᠷᠲᠡᠭᠡᠨ ᠵᠠᠰᠠᠬᠤ ᠤᠷᠣᠨ ᠤ ᠪᠤᠲᠠᠲᠠᠢ ᠲᠠᠢ ᠪᠠᠨ ᠣᠶᠠᠯᠳᠣᠭᠤᠯᠣᠨ ᠲᠣᠰ ᠲᠥᠷᠢᠮ ᠢ | ᠲᠤᠭᠲᠠᠭᠠᠪᠠ᠃ | ᠬᠤᠶᠠᠳᠣᠭᠠᠷ ᠵᠥᠢᠯ ᠥᠪᠡᠷᠲᠡᠭᠡᠨ ᠵᠠᠰᠠᠬᠤ ᠤᠷᠣᠨ ᠤ ᠵᠠᠰᠠᠭ ᠵᠠᠬᠢᠷᠭᠠᠨ ᠤ ᠤᠷᠣᠨ ᠲᠤᠲᠣᠷ᠎ᠠ᠂ ᠵᠠᠮ | ᠲᠡᠭᠡᠭᠡᠪᠥᠷᠢ ᠶᠢᠨ ᠡᠵᠡᠩᠨᠡᠯᠲᠡ᠂ ᠵᠠᠮ ᠲᠡᠭᠡᠭᠡᠪᠥᠷᠢ ᠲᠠᠢ ᠬᠠᠮᠢᠶ᠎ᠠ ᠲᠠᠢ ᠲᠣᠬᠠᠢᠢᠯᠠᠭᠰᠠᠨ ᠠᠵᠢᠯ ᠢ ᠡᠷᠬᠢᠯᠡᠬᠦ ᠳᠤ ᠲᠣᠰ | ᠲᠥᠷᠢᠮ ᠢ ᠵᠢᠷᠣᠮᠯᠡᠬᠤ ᠬᠡᠷᠡᠭᠲᠡᠢ᠃ | ᠡᠮᠥᠨᠡᠬᠢ ᠵᠦᠢᠯ ᠳᠤ ᠬᠡᠯᠡᠵᠣ ᠪᠠᠶᠢᠭ᠎ᠠ ᠵᠠᠮ ᠲᠡᠭᠡᠭᠡᠪᠥᠷᠢ ᠶᠢᠨ ᠡᠵᠡᠩᠨᠡᠯᠲᠡ ᠳᠤ ᠠᠶᠠᠨᠴᠢᠳ ᠤᠨ ᠵᠦᠭᠡᠭᠡᠪᠥᠷᠢ | ᠶᠢᠨ ᠡᠵᠡᠩᠨᠡᠯᠲᠡ ︵ᠲᠤᠷᠣᠭᠰᠢ ᠠᠶᠠᠨᠴᠢᠳ ᠤᠨ ᠵᠦᠭᠡᠭᠡᠪᠥᠷᠢ ᠶᠢᠨ ᠡᠵᠡᠩᠨᠡᠯᠲᠡ ᠭᠡᠵᠣ ᠲᠥᠭᠦᠮᠴᠢᠯᠡᠨᠡ︶᠂ | ᠪᠠᠷᠠᠭᠠᠨ ᠤ ᠵᠠᠮ ᠲᠡᠭᠡᠭᠡᠪᠥᠷᠢ ᠶᠢᠨ ᠡᠵᠡᠩᠨᠡᠯᠲᠡ ︵ᠲᠤᠷᠣᠭᠰᠢ ᠪᠠᠷᠠᠭᠠᠨ ᠤ ᠲᠡᠭᠡᠭᠡᠪᠥᠷᠢ ᠶᠢᠨ ᠡᠵᠡᠩᠨᠡᠯᠲᠡ ᠭᠡᠵᠣ | ᠳᠥᠭᠦᠮᠴᠢᠯᠡᠨ᠎ᠡ︶ ᠪᠠ ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ ᠶᠢᠨ ᠡᠵᠡᠩᠨᠡᠯᠲᠡ ᠪᠠᠭᠲᠠᠨ᠎ᠠ︔ ᠵᠠᠮ | ᠲᠡᠭᠡᠭᠡᠪᠥᠷᠢ ᠲᠠᠢ ᠬᠠᠮᠢᠶ᠎ᠠ ᠲᠠᠢ ᠲᠣᠬᠠᠢᠢᠯᠠᠭᠰᠠᠨ ᠠᠵᠢᠯ ᠳᠤ ᠵᠠᠮ ᠲᠡᠭᠡᠭᠡᠪᠥᠷᠢ ᠶᠢᠨ ᠠᠶᠠᠨᠴᠢᠳ ᠪᠠᠷᠠᠭᠠᠨ ᠤ ᠥᠷᠲᠡᠭᠡ | ︵ᠲᠠᠯᠠᠪᠣᠷ︶ ᠶᠢ ᠡᠵᠡᠩᠨᠡᠬᠦ᠂ ᠮᠠᠰᠢᠨ ᠲᠡᠷᠭᠡ ᠰᠡᠯᠪᠢᠨ ᠵᠠᠰᠠᠬᠤ ᠶᠢ ᠡᠵᠡᠩᠨᠡᠬᠦ᠂ ᠮᠠᠰᠢᠨ ᠲᠡᠷᠭᠡᠨ ᠤ ᠵᠢᠯᠣᠭᠤᠴᠢ ᠶᠢ | ᠪᠤᠯᠪᠠᠰᠣᠷᠠᠭᠤᠯᠬᠤ ᠵᠡᠷᠭᠡ ᠪᠠᠭᠲᠠᠨ᠎ᠠ᠃ | ᠭᠤᠷᠪᠠᠳᠣᠭᠠᠷ ᠵᠥᠢᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠣᠨ ᠤ | ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠲᠣᠰ ᠵᠠᠰᠠᠭ ᠵᠠᠬᠢᠷᠭᠠᠨ ᠤ | ᠣᠷᠣᠨ ᠤ ᠲᠤᠲᠣᠷᠠᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠠᠵᠢᠯ ᠢ ᠵᠤᠬᠢᠶᠠᠨ ᠪᠠᠶᠢᠭᠤᠯᠵᠣ ᠣᠳᠣᠷᠢᠳᠬᠤ ᠶᠢ | ᠬᠠᠷᠢᠭᠤᠴᠠᠨ᠎ᠠ᠃ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ | ᠪᠠᠶᠢᠭᠤᠯᠣᠮᠵᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠠᠵᠢᠯ ᠢ ᠪᠤᠲᠠᠲᠠᠢ ᠬᠡᠷᠡᠭᠵᠢᠭᠦᠯᠬᠦ ᠶᠢ ᠬᠠᠷᠢᠭᠤᠴᠠᠨ᠎ᠠ᠃ | ᠬᠤᠶᠠᠳᠣᠭᠠᠷ ᠪᠥᠯᠥᠭ ᠵᠠᠮ ᠲᠡᠭᠡᠭᠡᠪᠥᠷᠢ ᠶᠢᠨ ᠡᠵᠡᠩᠨᠡᠯᠲᠡ | ᠲᠥᠷᠪᠡᠳᠥᠭᠡᠷ ᠵᠥᠢᠯ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠥᠢᠯᠡᠴᠢᠯᠡᠭᠡᠨ ᠤ ᠠᠭᠤᠯᠭ᠎ᠠ᠂ | ᠵᠠᠷᠣᠳᠠᠯ ᠤᠨ ᠲᠥᠷᠥᠯ ᠵᠥᠢᠯ ᠪᠠ ᠨᠣᠷᠮ᠎ᠠ ᠪᠠᠨ ᠢᠯᠡ ᠪᠠᠷ ᠨᠡᠶᠢᠳᠡᠯᠡᠵᠣ᠂ ᠣᠯᠣᠰ᠂ ᠥᠪᠡᠷᠲᠡᠭᠡᠨ ᠵᠠᠰᠠᠬᠤ | ᠤᠷᠣᠨ ᠤ ᠲᠤᠭᠲᠠᠭᠠᠭᠰᠠᠨ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠥᠨ᠎ᠡ ᠪᠠ ᠰᠥᠢᠳᠭᠡᠯ ᠬᠤᠷᠢᠶᠠᠬᠤ ᠪᠠᠷᠢᠮᠵᠢᠶ᠎ᠠ | ᠶᠢ ᠬᠡᠷᠡᠭᠵᠢᠭᠦᠯᠥᠨ᠂ ᠡᠳ᠋ ᠤᠨ ᠵᠠᠰᠠᠭ᠂ ᠭᠠᠶᠢᠯᠢ ᠶᠢᠨ ᠰᠠᠯᠠᠭ᠎ᠠ ᠮᠥᠴᠢᠷ ᠠᠴᠠ ᠳᠠᠷᠣᠮᠠᠯᠯᠠᠨ ᠥᠢᠯᠡᠳᠥᠭᠰᠡᠨ ᠪᠤᠶᠣ | ᠬᠢᠨᠠᠨ ᠥᠢᠯᠡᠳᠥᠭᠰᠡᠨ ᠪᠠᠷᠢᠮᠲᠠ᠂ ᠲᠡᠷᠭᠡᠨ ᠪᠢᠯᠧᠲ ᠢ ᠬᠡᠷᠡᠭᠯᠡᠬᠦ ᠬᠡᠷᠡᠭᠲᠡᠢ᠃ | ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠡᠮᠥᠨᠡᠬᠢ ᠵᠦᠢᠯ ᠤᠨ ᠲᠤᠭᠲᠠᠭᠠᠯ ᠢ ᠵᠢᠷᠣᠮᠯᠡᠬᠤ ᠥᠭᠡᠢ ᠪᠤᠯ᠂ | ᠬᠡᠷᠡᠭᠯᠡᠭᠴᠢᠳ ᠰᠥᠢᠳᠭᠡᠯ ᠲᠣᠰᠢᠶᠠᠬᠤ ᠶᠢ ᠲᠡᠪᠴᠢᠬᠦ ᠡᠷᠬᠡ ᠲᠠᠢ᠃ | ᠲᠠᠪᠣᠳᠣᠭᠠᠷ ᠵᠥᠢᠯ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠠᠮᠣᠷ ᠲᠥᠪᠰᠢᠨ ᠤ ᠬᠠᠮᠢᠶᠠᠷᠣᠯᠲᠠ ᠶᠢᠨ | ᠪᠠᠶᠢᠭᠤᠯᠣᠮᠵᠢ ᠪᠠᠶᠢᠭᠤᠯᠵᠣ᠂ ᠴᠢᠬᠤᠯᠠ ᠪᠥᠬᠦᠢ ᠠᠮᠣᠷ ᠲᠥᠪᠰᠢᠨ ᠢ ᠬᠠᠮᠢᠶᠠᠷᠬᠤ ᠬᠥᠮᠥᠨ ᠲᠤᠬᠢᠷᠠᠭᠤᠯᠵᠣ᠂ | ᠠᠶᠣᠯᠭᠦᠢ ᠥᠢᠯᠡᠳᠪᠥᠷᠢᠯᠡᠯ ᠤᠨ ᠬᠠᠮᠢᠶᠠᠷᠣᠯᠲᠠ ᠶᠢᠨ ᠲᠥᠷᠢᠮ ᠢ ᠲᠤᠭᠲᠠᠭᠠᠨ ᠲᠡᠭᠦᠯᠳᠡᠷᠵᠢᠭᠦᠯᠵᠣ᠂ ᠲᠡᠭᠡᠭᠡᠪᠥᠷᠢ ᠶᠢᠨ | ᠮᠠᠰᠢᠨ᠂ ᠠᠵᠢᠯᠴᠢᠨ ᠵᠢᠴᠢ ᠲᠡᠭᠡᠭᠡᠪᠥᠷᠢ ᠶᠢᠨ ᠥᠢᠯᠡᠳᠪᠥᠷᠢᠯᠡᠯ ᠤᠨ ᠣᠯᠣᠰ ᠪᠠ ᠥᠪᠡᠷᠲᠡᠭᠡᠨ ᠵᠠᠰᠠᠬᠤ ᠤᠷᠣᠨ ᠤ | ᠬᠤᠯᠪᠣᠭᠳᠠᠯ ᠪᠥᠬᠦᠢ ᠲᠤᠭᠲᠠᠭᠠᠯ ᠲᠠᠢ ᠨᠡᠶᠢᠴᠠᠬᠦ ᠶᠢ ᠪᠠᠲᠣᠯᠠᠬᠤ ᠬᠡᠷᠡᠭᠲᠡᠢ᠃ | ᠵᠢᠷᠭᠤᠳᠣᠭᠠᠷ ᠵᠥᠢᠯ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠣᠯᠣᠰ ᠪᠠ ᠥᠪᠡᠷᠲᠡᠭᠡᠨ ᠵᠠᠰᠠᠬᠤ | ᠤᠷᠣᠨ ᠤ ᠬᠤᠯᠪᠣᠭᠳᠠᠯ ᠪᠥᠬᠦᠢ ᠲᠤᠭᠲᠠᠭᠠᠯ ᠶᠤᠰᠣᠭᠠᠷ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠰᠥᠢᠳᠭᠡᠯ | ᠲᠣᠰᠢᠶᠠᠬᠤ ᠪᠥᠭᠡᠳ ᠲᠤᠭᠲᠠᠭᠠᠯ ᠶᠤᠰᠣᠭᠠᠷ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠵᠢᠯ ᠤᠨ ᠬᠢᠨᠠᠨ ᠰᠢᠯᠭᠠᠯᠲᠠ | ᠪᠠ ᠥᠢᠯᠡᠴᠢᠯᠡᠭᠡᠨ ᠤ ᠶᠠᠰᠣ ᠴᠢᠨᠠᠷ ᠤᠨ ᠢᠳᠡᠭᠡᠮᠵᠢ ᠶᠢᠨ ᠬᠢᠨᠠᠨ ᠰᠢᠯᠭᠠᠯᠲᠠ ᠬᠢᠬᠦ ᠬᠡᠷᠡᠭᠲᠡᠢ᠃ | ᠲᠤᠯᠣᠳᠣᠭᠠᠷ ᠵᠥᠢᠯ ᠪᠠᠷᠠᠭ᠎ᠠ ᠵᠥᠭᠡᠭᠡᠪᠥᠷᠢᠯᠡᠬᠦ ᠲᠡᠷᠭᠡ᠂ ᠲᠷᠠᠺᠲ᠋ᠣᠷ᠂ ᠭᠤᠷᠪᠠᠨ ᠬᠥᠷᠳᠥᠲᠣ ᠮᠠᠰᠢᠨ᠂ | ᠬᠤᠷᠲᠣᠴᠠ ᠣᠳᠠᠭᠠᠨ ᠪᠠᠷᠠᠭ᠎ᠠ ᠵᠥᠭᠡᠭᠡᠪᠥᠷᠢᠯᠡᠬᠦ ᠲᠡᠷᠭᠡ᠂ ᠠᠶᠠᠨᠴᠢᠨ ᠪᠠᠷᠠᠭ᠎ᠠ ᠵᠥᠭᠡᠭᠡᠪᠥᠷᠢᠯᠡᠬᠦ ᠲᠡᠷᠭᠡ᠂ ᠮᠤᠲ᠋ᠤᠷ᠂ | ᠬᠤᠶᠠᠷ ᠬᠥᠷᠲᠥᠲᠣ ᠪᠠ ᠭᠤᠷᠪᠠᠨ ᠬᠥᠷᠲᠥᠲᠣ ᠴᠠᠬᠢᠯᠭᠠᠨ ᠬᠤᠷᠢᠶᠠᠭᠤᠷ ᠲᠡᠷᠭᠡ ᠵᠡᠷᠭᠡ ᠮᠠᠰᠢᠨ ᠤ ᠠᠶᠠᠨᠴᠢᠨ ᠤ | ᠵᠦᠭᠡᠭᠡᠪᠥᠷᠢ ᠶᠢᠨ ᠡᠵᠡᠩᠨᠡᠯᠲᠡ ᠡᠷᠬᠢᠯᠡᠬᠦ ᠶᠢ ᠴᠠᠭᠠᠵᠠᠯᠠᠨ᠎ᠠ᠃ | ᠨᠠᠢᠮᠠᠳᠣᠭᠠᠷ ᠵᠥᠢᠯ ᠥᠪᠡᠷᠲᠡᠭᠡᠨ ᠵᠠᠰᠠᠬᠤ ᠤᠷᠣᠨ ᠠᠴᠠ ᠰᠢᠩᠭᠡᠯᠢᠭ᠂ ᠪᠢᠲᠡᠭᠦᠥ ᠠᠪᠳᠠᠷ᠎ᠠ ᠶᠢᠨ ᠬᠡᠯᠪᠡᠷᠢ | ᠶᠢᠨ ᠪᠠ ᠤᠯᠠᠨ ᠲᠡᠩᠭᠡᠯᠢᠭᠳᠦ ᠬᠥᠨᠲᠣ ᠠᠴᠢᠶᠠᠨ ᠤ ᠮᠠᠰᠢᠨ ᠲᠡᠷᠭᠡᠨ ᠤ ᠲᠡᠭᠡᠭᠡᠪᠥᠷᠢ ᠶᠢ ᠵᠤᠷᠢᠨᠨᠵᠢᠭᠤᠯᠣᠨ | ᠬᠥᠭᠵᠢᠭᠦᠯᠥᠨᠠ᠃ ᠪᠠᠷᠠᠭᠠᠨ ᠤ ᠵᠠᠮ ᠲᠡᠭᠡᠭᠡᠪᠥᠷᠢ ᠶᠢᠨ ᠠᠵᠣ ᠠᠬᠤᠢᠢᠯᠠᠯ ᠤᠨ ᠤᠳᠤ ᠦᠶ᠎ᠡ ᠶᠢᠨ ᠡᠳ᠋ ᠪᠠᠷᠠᠭ᠎ᠠ ᠶᠢᠨ | ᠭᠥᠢᠯᠭᠡᠭᠡᠨ ᠤ ᠠᠵᠣ ᠠᠬᠤᠢᠢᠯᠠᠯ ᠤᠨ ᠡᠵᠡᠩᠨᠡᠯᠲᠡ ᠶᠢᠨ ᠬᠡᠯᠪᠡᠷᠢ ᠲᠡᠰᠢ ᠣᠯᠠᠷᠢᠨ ᠰᠢᠯᠵᠢᠬᠦ ᠶᠢ ᠵᠤᠷᠢᠭ᠋ ᠵᠢᠭᠤᠯᠣᠨᠠ᠃ | | ᠶᠢᠰᠥᠳᠥᠭᠡᠷ ᠵᠥᠢᠯ ᠵᠠᠮ ᠲᠡᠭᠡᠭᠡᠪᠥᠷᠢ ᠶᠢᠨ ᠠᠵᠢᠯ ᠳᠤ ᠬᠡᠷᠡᠭᠯᠡᠬᠦ ᠮᠠᠰᠢᠨ ᠲᠡᠷᠭᠡ ᠮᠠᠰᠢᠨ ᠲᠡᠷᠭᠡᠨ ᠤ | ᠡᠵᠡᠩᠨᠡᠯᠳᠡ ᠶᠢᠨ ᠥᠨᠡᠮᠯᠡᠯ ᠢᠶᠠᠨ ᠲᠡᠷᠭᠡ ᠲᠠᠢ ᠪᠠᠨ ᠬᠠᠮᠲᠣ ᠠᠪᠴᠣ ᠶᠠᠪᠣᠨ᠂ ᠠᠶᠠᠨᠴᠢᠳ ᠤᠨ ᠲᠡᠭᠡᠭᠡᠪᠥᠷᠢ ᠶᠢᠨ | ᠡᠭᠡᠯᠵᠢ ᠶᠢᠨ ᠮᠠᠰᠢᠨ ᠲᠡᠷᠭᠡ ᠠᠶᠠᠨᠴᠢᠳ ᠤᠨ ᠵᠦᠭᠡᠭᠡᠪᠥᠷᠢ ᠶᠢᠨ ᠱᠣᠭᠤᠮ ᠤᠨ ᠢᠯᠡᠳᠭᠡᠮᠵᠢ ᠫᠠᠶᠢᠰᠠ ᠡᠯᠭᠦᠬᠦ | ᠬᠡᠷᠡᠭᠲᠡᠢ᠃ | ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢ᠂ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠵᠥᠪᠰᠢᠶᠡᠷᠡᠯ ᠤᠨ ᠥᠨᠡᠮᠯᠡᠯ | ᠂ ᠵᠠᠮ ᠲᠡᠭᠡᠭᠡᠪᠥᠷᠢ ᠶᠢᠨ ᠥᠨᠡᠮᠯᠡᠯ᠂ ᠡᠷᠬᠢᠯᠡᠭᠰᠡᠨ ᠠᠵᠢᠯ ᠤᠨ ᠬᠢᠷᠢ ᠭᠡᠮ ᠤᠨ ᠥᠨᠡᠮᠯᠡᠯ᠂ ᠣᠯᠣᠰ ᠤᠨ | ᠬᠤᠭᠤᠷᠣᠨᠳᠣᠬᠢ ᠵᠠᠮ ᠲᠡᠭᠡᠭᠡᠪᠥᠷᠢ ᠶᠢᠨ ᠲᠡᠷᠭᠡ ᠵᠢᠯᠣᠭᠤᠳᠬᠤ ᠵᠥᠪᠰᠢᠶᠡᠷᠡᠯ ᠤᠨ ᠥᠨᠡᠮᠯᠡᠯ᠂ ᠠᠶᠠᠨᠴᠢᠳ ᠤᠨ | ᠲᠡᠭᠡᠭᠡᠪᠥᠷᠢ ᠶᠢᠨ ᠡᠭᠡᠯᠵᠢ ᠶᠢᠨ ᠮᠠᠰᠢᠨ ᠲᠡᠷᠭᠡᠨ ᠤ ᠱᠣᠭᠤᠮ ᠤᠨ ᠢᠯᠡᠳᠭᠡᠮᠵᠢ ᠫᠠᠶᠢᠰᠠ ᠪᠠᠨ ᠪᠤᠰᠣᠳ ᠲᠤ | ᠰᠢᠯᠵᠢᠭᠦᠯᠥᠨ ᠥᠭᠴᠥ᠂ ᠲᠥᠷᠢᠶᠡᠰᠥᠯᠡᠵᠣ ᠪᠤᠯᠬᠤ ᠥᠭᠡᠢ᠃ | ᠠᠷᠪᠠᠳᠣᠭᠠᠷ ᠵᠥᠢᠯ ᠵᠠᠮ ᠲᠡᠭᠡᠭᠡᠪᠥᠷᠢ ᠶᠢᠨ ᠡᠵᠡᠩᠨᠡᠯᠲᠡ ᠳᠤ ᠬᠡᠷᠡᠭᠯᠡᠵᠣ ᠪᠠᠶᠢᠭ᠎ᠠ ᠠᠶᠠᠨᠴᠢᠨ ᠵᠥᠭᠡᠭᠡᠪᠥᠷᠢᠯᠡᠬᠦ | ᠮᠠᠰᠢᠨ ᠲᠡᠷᠭᠡ ᠪᠠ ᠠᠶᠤᠯᠳᠠᠢ ᠡᠳ᠋ ᠪᠠᠷᠠᠭ᠎ᠠ ᠲᠡᠭᠡᠭᠡᠪᠥᠷᠢᠯᠡᠬᠦ ᠳᠤ ᠲᠣᠰᠬᠠᠢ ᠬᠡᠷᠡᠭᠯᠡᠬᠦ ᠮᠠᠰᠢᠨ ᠲᠡᠷᠭᠡᠨ ᠳᠤ | ᠣᠯᠣᠰ ᠤᠨ ᠪᠠᠷᠢᠮᠵᠢᠶ᠎ᠠ ᠳᠤ ᠨᠡᠶᠢᠴᠡᠭᠰᠡᠨ ᠪᠥᠮᠪᠥᠷᠴᠡᠭ ᠤᠨ ᠳᠠᠭᠠᠭᠤᠯᠢ ᠤᠲᠣᠨ ᠢᠶᠠᠷ ᠪᠠᠶᠢᠷᠢ ᠲᠤᠭᠲᠠᠭᠠᠬᠤ | ᠰᠢᠰᠲ᠋ᠧᠮ ︵GPS︶ ᠢ ᠣᠭᠰᠠᠷᠠᠵᠣ ᠬᠡᠷᠡᠭᠯᠡᠬᠦ ᠬᠡᠷᠡᠭᠲᠡᠢ᠃ ᠬᠥᠨᠲᠣ ᠠᠴᠢᠶᠠᠨ ᠤ ᠮᠠᠰᠢᠨ᠂ ᠴᠢᠷᠬᠦᠦᠯ ᠮᠠᠰᠢᠨ | ᠲᠡᠷᠭᠡ ᠣᠯᠣᠰ ᠤᠨ ᠪᠠᠷᠢᠮᠵᠢᠶ᠎ᠠ ᠳᠤ ᠨᠡᠶᠢᠴᠡᠭᠰᠡᠨ ᠪᠥᠮᠪᠥᠷᠴᠡᠭ ᠤᠨ ᠳᠠᠭᠠᠭᠤᠯᠢ ᠤᠲᠣᠨ ᠢᠶᠠᠷ ᠪᠠᠶᠢᠷᠢ ᠲᠤᠭᠲᠠᠭᠠᠬᠤ | ᠰᠢᠰᠲ᠋ᠧᠮ ︵GPS︶ ᠪᠤᠶᠣ ᠮᠠᠰᠢᠨ ᠲᠡᠷᠭᠡᠨ ᠤ ᠵᠠᠮ ᠶᠠᠪᠣᠬᠤ ᠲᠡᠮᠳᠡᠭᠯᠡᠭᠦᠷ ᠣᠭᠰᠠᠷᠠᠵᠣ ᠬᠡᠷᠡᠭᠯᠡᠬᠦ ᠬᠡᠷᠡᠭᠲᠡᠢ᠃ | ᠶᠠᠮᠠᠷᠪᠠ ᠨᠢᠭᠡᠴᠠ ᠪᠠ ᠬᠤᠪᠢ ᠬᠥᠮᠥᠨ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠢ ᠠᠯᠪᠠᠳᠠᠬᠤ ᠪᠤᠶᠣ | ᠥᠭᠡᠷ᠎ᠡ ᠬᠡᠯᠪᠡᠷᠢ ᠪᠠᠷ ᠠᠯᠪᠠᠳᠠᠵᠣ ᠪᠠᠶᠢᠭᠠᠳ ᠵᠢᠭᠠᠨ ᠲᠤᠭᠲᠠᠭᠠᠭᠰᠠᠨ ᠪᠥᠮᠪᠥᠷᠴᠡᠭ ᠤᠨ ᠳᠠᠭᠠᠭᠤᠯᠢ ᠤᠲᠣᠨ ᠢᠶᠠᠷ | ᠪᠠᠶᠢᠷᠢ ᠲᠤᠭᠲᠠᠭᠠᠬᠤ ᠰᠢᠰᠲ᠋ᠧᠮ ︵GPS︶ ᠪᠤᠶᠣ ᠮᠠᠰᠢᠨ ᠲᠡᠷᠭᠡᠨ ᠤ ᠵᠠᠮ ᠶᠠᠪᠣᠬᠤ ᠲᠡᠮᠳᠡᠭᠯᠡᠭᠦᠷ ᠬᠤᠳᠠᠯᠳᠣᠨ | ᠠᠪᠣᠭᠤᠯᠵᠣ ᠪᠤᠯᠬᠤ ᠥᠭᠡᠢ᠃ | ᠠᠷᠪᠠᠨ ᠨᠢᠭᠡᠳᠥᠭᠡᠷ ᠵᠥᠢᠯ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ᠂ ᠠᠶᠣᠯᠲᠠᠢ ᠪᠠᠷᠠᠭᠠᠨ ᠤ | ᠲᠡᠭᠡᠭᠡᠪᠥᠷᠢ ᠶᠢᠨ ᠦᠢᠯᠡᠰ ᠡᠵᠡᠩᠨᠡᠭᠴᠢ᠂ ᠠᠶᠠᠨᠴᠢᠳ᠂ ᠠᠶᠣᠯᠲᠠᠢ ᠪᠠᠷᠠᠭᠠᠨ ᠳᠤ ᠲᠣᠰᠪᠥᠷᠢ ᠲᠡᠭᠡᠭᠡᠪᠥᠷᠢᠯᠡᠭᠴᠢ ᠶᠢᠨ | ᠬᠠᠷᠢᠭᠤᠴᠠᠯᠭ᠎ᠠ ᠶᠢᠨ ᠳᠠᠭᠠᠳᠬᠠᠯ ᠠᠪᠴᠣ ᠥᠭᠬᠦ ᠬᠡᠷᠡᠭᠲᠡᠢ᠃ | ᠲᠡᠭᠡᠭᠡᠪᠥᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ ᠤᠨ ᠬᠠᠮᠤᠭ ᠤᠨ ᠲᠤᠤᠷ᠎ᠠ ᠬᠢᠵᠠᠭᠠᠷ ᠢ | ᠥᠪᠡᠷᠲᠡᠭᠡᠨ ᠵᠠᠰᠠᠬᠤ ᠤᠷᠣᠨ ᠤ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠪᠠ ᠠᠳᠠᠯᠢ ᠱᠠᠲᠣᠨ ᠤ ᠳᠠᠭᠠᠳᠬᠠᠯ ᠤᠨ ᠥᠢᠯᠡᠰ ᠢ ᠬᠢᠨᠠᠨ ᠬᠠᠮᠢᠶᠠᠷᠬᠤ ᠰᠠᠯᠠᠭ᠎ᠠ ᠮᠥᠴᠢᠷ ᠬᠠᠮᠲᠣᠷᠠᠨ | ᠲᠤᠭᠳᠠᠭᠠᠨ᠎ᠠ︔ ᠣᠯᠣᠰ ᠠᠴᠠ ᠲᠤᠭᠳᠠᠭᠠᠯ ᠲᠠᠢ ᠪᠤᠯ᠂ ᠣᠯᠣᠰ ᠤᠨ ᠲᠤᠭᠳᠠᠭᠠᠯ ᠶᠤᠰᠣᠭᠠᠷ ᠬᠡᠷᠡᠭᠵᠢᠭᠦᠯᠥᠨ᠎ᠡ᠃ | ᠠᠷᠪᠠᠨ ᠬᠤᠶᠠᠳᠣᠭᠠᠷ ᠵᠥᠢᠯ ᠠᠶᠠᠨᠴᠢᠳ ᠣᠯᠣᠰ ᠠᠴᠠ ᠲᠤᠭᠳᠠᠭᠠᠭᠰᠠᠨ ᠠᠶᠣᠯᠳᠠᠢ ᠪᠤᠳᠠᠰ ᠵᠢᠴᠢ ᠪᠤᠰᠣᠳ | ᠠᠪᠴᠣ ᠶᠠᠪᠣᠬᠤ ᠶᠢ ᠴᠠᠭᠠᠵᠠᠯᠠᠭᠰᠠᠨ ᠪᠤᠳᠠᠰ ᠢ ᠠᠪᠴᠦ ᠲᠡᠷᠭᠡᠨ ᠳᠤ ᠭᠠᠷᠴᠣ ᠪᠤᠯᠬᠤ ᠥᠭᠡᠢ︔ ᠪᠠᠷᠠᠭᠠᠨ ᠤ ᠡᠵᠡᠨ | ᠲᠡᠭᠡᠭᠡᠪᠥᠷᠢᠯᠡᠭᠦᠯᠬᠦ ᠪᠠᠷ ᠨᠠᠶᠢᠳᠠᠭᠰᠠᠨ ᠡᠩ ᠤᠨ ᠪᠠᠷᠠᠭᠠᠨ ᠳᠤ ᠠᠶᠣᠯᠳᠠᠢ ᠪᠤᠳᠠᠰ ᠵᠢᠬᠢᠷᠢᠭᠯᠡᠵᠣ ᠪᠤᠯᠬᠤ ᠥᠭᠡᠢ᠃ | ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠡᠮᠥᠨᠡᠬᠢ ᠵᠦᠢᠯ ᠳᠤ ᠳᠣᠷᠠᠳᠣᠭᠰᠠᠨ ᠪᠤᠳᠠᠰ ᠢ | ᠠᠪᠴᠣ ᠶᠠᠪᠣᠵᠣ ᠪᠠᠶᠢᠭ᠎ᠠ ᠠᠶᠠᠨᠴᠢᠳ ᠤᠨ ᠲᠡᠷᠭᠡᠨ ᠳᠤ ᠭᠠᠷᠬᠤ ᠶᠢ ᠬᠤᠷᠢᠭᠯᠠᠬᠤ ᠬᠡᠷᠡᠭᠲᠡᠢ︔ ᠡᠩ ᠤᠨ | ᠪᠠᠷᠠᠭᠠᠨ ᠤ ᠲᠡᠭᠡᠭᠡᠪᠥᠷᠢ ᠶᠢᠨ ᠦᠢᠯᠡᠰ ᠡᠵᠡᠩᠨᠡᠭᠴᠢᠳ ᠠᠶᠣᠯᠳᠠᠢ ᠪᠤᠳᠠᠰ ᠵᠢᠬᠢᠷᠢᠭᠯᠡᠭᠰᠡᠨ ᠪᠠᠷᠠᠭ᠎ᠠ ᠶᠢ | ᠵᠥᠭᠡᠭᠡᠪᠥᠷᠢᠯᠡᠵᠣ ᠪᠤᠯᠬᠤ ᠥᠭᠡᠢ᠃ | ᠠᠷᠪᠠᠨ ᠭᠤᠷᠪᠠᠳᠣᠭᠠᠷ ᠵᠥᠢᠯ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠰᠠᠭᠤᠳᠠᠯ ᠪᠤᠶᠣ | ᠤᠷᠣ ᠶᠢ ᠲᠣᠷ᠎ᠠ ᠪᠠᠷ ᠵᠠᠳᠠᠯᠣᠨ ᠣᠭᠰᠠᠷᠠᠵᠣ᠂ ᠨᠡᠮᠡᠵᠣ ᠬᠠᠰᠣᠵᠣ ᠪᠤᠯᠬᠤ ᠥᠭᠡᠢ᠃ | ᠠᠷᠪᠠᠨ ᠲᠥᠷᠪᠡᠳᠥᠭᠡᠷ ᠵᠥᠢᠯ ᠠᠶᠠᠨᠴᠢᠳ ᠤᠨ ᠲᠡᠭᠡᠭᠡᠪᠥᠷᠢ ᠶᠢᠨ ᠦᠢᠯᠡᠰ ᠡᠵᠡᠩᠨᠡᠭᠴᠢ ᠥᠢᠯᠡᠴᠢᠯᠡᠭᠡ | ᠬᠠᠩᠭᠠᠬᠤ ᠮᠠᠰᠢᠨ ᠲᠡᠷᠭᠡᠨ ᠤ ᠲᠥᠷᠥᠯ ᠵᠥᠢᠯ ᠵᠡᠷᠭᠡ ᠲᠡᠰ ᠢᠶᠠᠨ ᠠᠶᠠᠨᠴᠢᠨ ᠤ ᠪᠢᠯᠧᠲ ᠲᠠᠢ ᠨᠢᠭᠡᠲᠥᠯᠲᠡᠢ | ᠪᠠᠶᠢᠯᠭᠠᠬᠤ ᠬᠡᠷᠡᠭᠲᠡᠢ᠃ | ᠠᠷᠪᠠᠨ ᠲᠠᠪᠣᠳᠣᠭᠠᠷ ᠵᠥᠢᠯ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠥᠷᠲᠡᠭᠡᠨ ᠳᠤ ᠤᠷᠣᠨ | ᠡᠵᠡᠩᠨᠡᠬᠦ ᠬᠡᠷᠡᠭᠲᠡᠢ᠂ ᠵᠠᠮ ᠲᠡᠭᠡᠭᠡᠪᠥᠷᠢ ᠶᠢᠨ ᠥᠷᠲᠡᠭᠡᠨ ︵ᠲᠠᠯᠠᠪᠣᠷ︶ ᠤ ᠭᠠᠳᠠᠨ᠎ᠠ ᠠᠴᠠ ᠠᠶᠠᠨᠴᠢᠨ ᠲᠠᠲᠠᠵᠣ | ᠲᠡᠭᠡᠭᠡᠪᠦᠷᠢᠯᠡᠵᠦ ᠪᠤᠯᠬᠤ ᠥᠭᠡᠢ᠃ | ᠠᠷᠪᠠᠨ ᠵᠢᠷᠭᠤᠳᠣᠭᠠᠷ ᠵᠥᠢᠯ ᠵᠠᠮ ᠬᠠᠷᠢᠯᠴᠠᠭᠠᠨ ᠤ ᠠᠳᠡᠯ᠂ ᠪᠠᠶᠢᠭᠠᠯᠢ ᠶᠢᠨ ᠭᠠᠮᠰᠢᠭ᠂ ᠤᠯᠠᠨ ᠨᠡᠶᠢᠲᠡ | ᠶᠢᠨ ᠡᠷᠡᠭᠦᠯ ᠬᠠᠮᠠᠭᠠᠯᠠᠯ ᠤᠨ ᠬᠡᠷᠡᠭ ᠣᠴᠢᠷ ᠵᠢᠴᠢ ᠪᠤᠰᠣᠳ ᠭᠡᠨᠡᠳᠲᠡ ᠶᠢᠨ ᠴᠢᠨᠠᠷᠲᠠᠢ ᠬᠡᠷᠡᠭ ᠣᠴᠢᠷ ᠡᠭᠦᠰᠬᠦ | ᠥᠶᠡᠰ᠂ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠣᠨ ᠪᠤᠶᠣ ᠬᠤᠯᠪᠣᠭᠳᠠᠯ | ᠪᠥᠬᠦᠢ ᠰᠠᠯᠠᠭ᠎ᠠ ᠮᠥᠴᠢᠷ ᠠᠴᠠ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢ ᠶᠢᠨ ᠮᠠᠰᠢᠨ ᠲᠡᠷᠭᠡ ᠶᠢ ᠬᠠᠥᠯᠢ | ᠶᠤᠰᠣᠭᠠᠷ ᠠᠯᠪᠠᠨ ᠳᠤ ᠲᠠᠲᠠᠪᠣᠷᠢᠯᠠᠨ ᠬᠡᠷᠡᠭᠯᠡᠵᠣ ᠪᠤᠯᠣᠨ᠎ᠠ᠂ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢ | ᠨᠢᠭᠡᠳᠥᠯᠲᠡᠢ ᠲᠤᠬᠢᠷᠠᠭᠤᠯᠭ᠎ᠠ᠂ ᠵᠢᠯᠣᠭᠤᠳᠣᠯᠭ᠎ᠠ ᠶᠢ ᠬᠥᠯᠢᠶᠡᠬᠦ ᠬᠡᠷᠡᠭᠲᠡᠢ᠃ | ᠭᠤᠷᠪᠠᠳᠣᠭᠠᠷ ᠪᠥᠯᠥᠭ ᠵᠠᠮ ᠲᠡᠭᠡᠭᠡᠪᠥᠷᠢ ᠶᠢᠨ ᠬᠠᠮᠢᠶ᠎ᠠ ᠪᠥᠬᠦᠢ ᠲᠣᠬᠠᠢᠢᠯᠠᠭᠰᠠᠨ ᠠᠵᠢᠯ | ᠠᠷᠪᠠᠨ ᠲᠤᠯᠣᠳᠣᠭᠠᠷ ᠵᠥᠢᠯ ᠵᠠᠮ ᠲᠡᠭᠡᠭᠡᠪᠥᠷᠢ ᠶᠢᠨ ᠥᠷᠲᠡᠭᠡᠨ ︵ᠲᠠᠯᠠᠪᠣᠷ︶ ᠤ ᠪᠥᠲᠥᠭᠡᠨ ᠪᠠᠶᠢᠭᠤᠯᠣᠯᠲᠠ | ᠨᠢ ᠵᠠᠮ ᠬᠠᠷᠢᠯᠴᠠᠭᠠᠨ ᠤ ᠲᠡᠭᠡᠭᠡᠪᠥᠷᠢ ᠶᠢᠨ ᠲᠥᠯᠥᠪᠵᠢᠭᠦᠯᠭᠡ ᠪᠠ ᠬᠤᠲᠠ ᠬᠥᠳᠡᠭᠡ ᠶᠢᠨ ᠶᠡᠷᠥᠩᠬᠡᠢ | ᠲᠥᠯᠥᠪᠵᠢᠭᠦᠯᠭᠡ ᠲᠠᠢ ᠨᠡᠶᠢᠴᠠᠵᠣ᠂ ᠮᠠᠰᠢᠨ ᠲᠡᠷᠭᠡ ᠤᠷᠣᠵᠣ ᠭᠠᠷᠬᠤ᠂ ᠠᠶᠠᠨᠴᠢᠳ ᠭᠠᠳᠠᠭᠰᠢ ᠭᠠᠷᠬᠤ ᠪᠠ ᠡᠳ᠋ | ᠪᠠᠷᠠᠭ᠎ᠠ ᠲᠥᠪᠯᠡᠷᠡᠭᠦᠯᠵᠣ ᠳᠠᠷᠬᠠᠭᠠᠬᠤ ᠳᠤ ᠲᠥᠭᠦᠮ ᠠᠰᠢᠭᠳᠠᠢ ᠪᠠᠶᠢᠬᠤ ᠬᠡᠷᠡᠭᠲᠡᠢ᠃ | ᠤᠯᠠᠨ ᠵᠥᠢᠯ ᠤᠨ ᠠᠷᠭ᠎ᠠ ᠪᠠᠷᠢᠯ ᠢᠶᠠᠷ ᠪᠡᠯᠡ ᠮᠥᠩᠬᠦ ᠴᠣᠭᠯᠠᠭᠤᠯᠣᠨ ᠵᠠᠮ ᠲᠡᠭᠡᠭᠡᠪᠥᠷᠢ ᠶᠢᠨ ᠥᠷᠲᠡᠭᠡ ︵ | ᠲᠠᠯᠠᠪᠣᠷ︶ ᠪᠠᠶᠢᠭᠤᠯᠬᠤ ᠶᠢ ᠵᠤᠷᠢᠭᠵᠢᠭᠤᠯᠤᠨ᠎ᠠ᠃ | ᠠᠷᠪᠠᠨ ᠨᠠᠢᠮᠠᠳᠣᠭᠠᠷ ᠵᠥᠢᠯ ᠬᠤᠰᠢᠭᠤ ᠰᠢᠶᠠᠨ ᠰᠤᠮᠤ ᠰᠢᠶᠠᠩ ᠤᠨ ᠵᠠᠰᠠᠮᠠᠯ ᠵᠠᠮ ᠢ ᠰᠢᠨ᠎ᠡ ᠪᠠᠷ ᠪᠠᠶᠢᠭᠤᠯᠬᠤ | ᠂ ᠥᠭᠡᠷᠡᠴᠢᠯᠡᠨ ᠪᠠᠶᠢᠭᠤᠯᠬᠤ᠂ ᠥᠷᠭᠡᠳᠭᠡᠨ ᠪᠠᠶᠢᠭᠤᠯᠬᠤ ᠥᠶᠡᠰ᠂ ᠬᠠᠮᠢᠶ᠎ᠠ ᠪᠥᠬᠦᠢ ᠲᠡᠷᠭᠡ ᠬᠥᠯᠢᠶᠡᠬᠦ ᠴᠡᠭ᠂ | ᠲᠡᠷᠭᠡ ᠬᠥᠯᠢᠶᠡᠬᠦ ᠲᠢᠩᠬᠢᠮ ᠵᠡᠷᠭᠡ ᠲᠥᠬᠦᠭᠡᠷᠥᠮᠵᠢ ᠶᠢ ᠨᠢᠭᠡᠲᠥᠯᠲᠡᠢ ᠲᠥᠯᠥᠪᠵᠢᠭᠦᠯᠵᠣ᠂ ᠬᠠᠮᠲᠣ ᠳᠤᠨᠢ ᠵᠢᠷᠣᠭᠯᠠᠨ | ᠲᠥᠯᠥᠪᠯᠡᠵᠣ᠂ ᠬᠠᠮᠲᠣ ᠳᠤᠨᠢ ᠪᠥᠲᠥᠭᠡᠨ ᠪᠠᠶᠢᠭᠤᠯᠵᠣ᠂ ᠬᠠᠮᠲᠣ ᠳᠤᠨᠢ ᠰᠢᠯᠭᠠᠨ ᠬᠤᠷᠢᠶᠠᠬᠤ ᠬᠡᠷᠡᠭᠲᠡᠢ᠃ | ᠠᠷᠪᠠ ᠶᠢᠰᠥᠳᠥᠭᠡᠷ ᠵᠥᠢᠯ ᠠᠶᠠᠨᠴᠢᠳ ᠤᠨ ᠵᠦᠭᠡᠭᠡᠪᠥᠷᠢ ᠶᠢᠨ ᠥᠷᠲᠡᠭᠡᠨ ᠤ ᠡᠵᠡᠩᠨᠡᠭᠴᠢᠳ ᠵᠤᠬᠢᠴᠠᠩᠭᠤᠢ | ᠠᠮᠣᠷ ᠲᠥᠪᠰᠢᠨ ᠢ ᠪᠠᠶᠢᠴᠠᠭᠠᠬᠤ ᠬᠥᠮᠥᠰ ᠪᠠ ᠠᠮᠣᠷ ᠲᠥᠪᠰᠢᠨ ᠢ ᠪᠠᠶᠢᠴᠠᠭᠠᠨ ᠰᠢᠯᠭᠠᠬᠤ ᠲᠥᠬᠦᠭᠡᠷᠥᠮᠵᠢ | ᠣᠭᠰᠠᠷᠠᠵᠣ᠂ ᠬᠤᠯᠪᠣᠭᠳᠠᠯ ᠪᠥᠬᠦᠢ ᠲᠤᠭᠳᠠᠭᠠᠯ ᠶᠤᠰᠣᠭᠠᠷ ᠥᠷᠲᠡᠭᠡ ᠳᠤ ᠤᠷᠣᠵᠣ ᠭᠠᠷᠬᠤ ᠡᠵᠡᠩᠨᠡᠯᠲᠡ ᠶᠢᠨ | ᠮᠠᠰᠢᠨ ᠳᠤ ᠠᠶᠣᠯᠭᠦᠢ ᠶᠢᠨ ᠪᠠᠶᠢᠴᠠᠭᠠᠯᠲᠠ ᠬᠢᠬᠦ ᠬᠡᠷᠡᠭᠲᠡᠢ᠃ | ᠨᠢᠭᠡᠳᠥᠭᠡᠷ ᠲᠡᠰ ᠤᠨ ᠠᠶᠠᠨᠴᠢᠳ ᠤᠨ ᠵᠦᠭᠡᠭᠡᠪᠥᠷᠢ ᠶᠢᠨ ᠥᠷᠲᠡᠭᠡ ︵ᠲᠠᠯᠠᠪᠣᠷ︶ ᠠᠶᠠᠨᠴᠢᠳ ᠤᠨ ᠪᠤᠭᠴᠣ | ᠶᠢᠨ ᠠᠶᠣᠯᠭᠦᠢ ᠶᠢ ᠪᠠᠶᠢᠴᠠᠭᠠᠬᠤ ᠲᠥᠬᠦᠭᠡᠷᠥᠮᠵᠢ ᠣᠭᠰᠠᠷᠠᠵᠣ ᠬᠡᠷᠡᠭᠯᠡᠬᠦ ᠬᠡᠷᠡᠭᠲᠡᠢ᠃ ᠬᠤᠶᠠᠳᠣᠭᠠᠷ ᠲᠡᠰ ᠤᠨ | ᠠᠶᠠᠨᠴᠢᠳ ᠤᠨ ᠵᠦᠭᠡᠭᠡᠪᠥᠷᠢ ᠶᠢᠨ ᠥᠷᠲᠡᠭᠡᠨ ︵ᠲᠠᠯᠠᠪᠣᠷ︶ ᠤ ᠠᠶᠠᠨᠴᠢᠳ ᠤᠨ ᠪᠤᠭᠴᠣ ᠶᠢᠨ ᠠᠶᠣᠯᠭᠦᠢ ᠶᠢ | ᠪᠠᠶᠢᠴᠠᠭᠠᠬᠤ ᠲᠥᠬᠦᠭᠡᠷᠥᠮᠵᠢ ᠣᠭᠰᠠᠷᠠᠵᠣ ᠬᠡᠷᠡᠭᠯᠡᠬᠦ ᠶᠢ ᠵᠤᠷᠢᠭᠵᠢᠭᠤᠯᠤᠨ᠎ᠠ᠃ | ᠠᠶᠠᠨᠴᠢᠳ ᠠᠶᠠᠨᠴᠢᠳ ᠤᠨ ᠵᠦᠭᠡᠭᠡᠪᠥᠷᠢ ᠶᠢᠨ ᠥᠷᠲᠡᠭᠡ ︵ᠲᠠᠯᠠᠪᠣᠷ︶ ᠠᠴᠠ ᠠᠶᠠᠨᠴᠢᠳ ᠤᠨ ᠪᠤᠭᠴᠣ ᠳᠤ | ᠠᠶᠣᠯᠭᠦᠢ ᠶᠢᠨ ᠪᠠᠶᠢᠴᠠᠭᠠᠯᠲᠠ ᠬᠢᠬᠦ ᠲᠠᠢ ᠬᠠᠮᠵᠢᠯᠴᠠᠬᠤ ᠬᠡᠷᠡᠭᠲᠡᠢ︔ ᠠᠶᠣᠯᠭᠦᠢ ᠶᠢᠨ ᠪᠠᠶᠢᠴᠠᠭᠠᠯᠲᠠ ᠬᠢᠬᠦ ᠶᠢ | ᠲᠡᠪᠴᠢᠪᠡᠯ᠂ ᠠᠶᠠᠨᠴᠢᠳ ᠤᠨ ᠲᠡᠭᠡᠭᠡᠪᠥᠷᠢ ᠶᠢᠨ ᠥᠷᠲᠡᠭᠡ ︵ᠲᠠᠯᠠᠪᠣᠷ︶ ᠠᠴᠠ ᠠᠶᠠᠨᠴᠢᠳ ᠤᠨ ᠥᠷᠲᠡᠭᠡᠨ ᠳᠤ | ᠤᠷᠣᠵᠣ᠂ ᠲᠡᠷᠭᠡᠨ ᠳᠤ ᠭᠠᠷᠬᠤ ᠶᠢ ᠲᠡᠪᠴᠢᠬᠦ ᠡᠷᠬᠡ ᠲᠠᠢ᠃ ᠥᠷᠲᠡᠭᠡ ᠪᠠ ᠲᠡᠷᠭᠡᠨ ᠳᠤ ᠬᠥᠴᠥᠷᠬᠡᠭᠯᠡᠨ ᠤᠷᠣᠪᠠᠯ᠂ | ᠬᠤᠯᠪᠣᠭᠳᠠᠯ ᠪᠥᠬᠦᠢ ᠲᠤᠭᠲᠠᠭᠠᠯ ᠢ ᠦᠨᠳᠦᠰᠦᠯᠡᠨ ᠬᠠᠥᠯᠢ ᠶᠤᠰᠣᠭᠠᠷ ᠰᠢᠢᠳᠪᠥᠷᠢᠯᠡᠨ᠎ᠡ᠃ | ᠬᠤᠷᠢᠳᠣᠭᠠᠷ ᠵᠥᠢᠯ ᠮᠠᠰᠢᠨ ᠲᠡᠷᠭᠡ ᠰᠡᠯᠪᠢᠨ ᠵᠠᠰᠠᠬᠤ ᠦᠢᠯᠡᠰ ᠡᠵᠡᠩᠨᠡᠭᠴᠢ ᠡᠵᠡᠩᠨᠡᠯᠲᠡ ᠶᠢᠨ | ᠲᠠᠯᠠᠪᠣᠷ ᠤᠨ ᠢᠶᠠᠨ ᠢᠯᠡ ᠪᠠᠶᠢᠷᠢ ᠳᠤ ᠮᠠᠰᠢᠨ ᠲᠡᠷᠭᠡ ᠰᠡᠯᠪᠢᠨ ᠵᠠᠰᠠᠬᠤ ᠢᠯᠡᠳᠭᠡᠮᠵᠢ ᠶᠢᠨ ᠫᠠᠶᠢᠰᠠ ᠡᠯᠭᠦᠵᠣ᠂ | ᠰᠡᠯᠪᠢᠨ ᠵᠠᠰᠠᠬᠤ ᠠᠵᠢᠯ ᠲᠥᠷᠥᠯ ᠤᠨ ᠠᠵᠢᠯᠯᠠᠭᠠᠨ ᠤ ᠴᠠᠭ ᠬᠡᠮᠵᠢᠶ᠎ᠡ᠂ ᠰᠥᠢᠳᠭᠡᠯ ᠬᠤᠷᠢᠶᠠᠬᠤ ᠪᠠᠷᠢᠮᠵᠢᠶ᠎ᠠ ᠪᠠ | ᠰᠡᠯᠪᠢᠨ ᠵᠠᠰᠠᠬᠤ ᠴᠢᠨᠠᠷ ᠴᠢᠨᠰᠠᠭ᠎ᠠ ᠶᠢᠨ ᠪᠠᠲᠤᠯᠠᠭ᠎ᠠ ᠶᠢᠨ ᠬᠤᠭᠤᠴᠠᠭ᠎ᠠ ᠶᠢ ᠢᠯᠡ ᠨᠡᠶᠢᠲᠡᠯᠡᠬᠦ ᠶᠢᠨ ᠬᠠᠮᠲᠣ | ᠣᠯᠣᠰ ᠤᠨ ᠲᠤᠭᠳᠠᠭᠠᠭᠰᠠᠨ ᠮᠡᠷᠭᠡᠵᠢᠯ ᠤᠨ ᠪᠠᠷᠢᠮᠵᠢᠶ᠎ᠠ ᠶᠤᠰᠣᠭᠠᠷ ᠮᠠᠰᠢᠨ ᠲᠡᠷᠭᠡ ᠰᠡᠯᠪᠢᠨ ᠵᠠᠰᠠᠵᠣ᠂ ᠰᠡᠯᠪᠢᠨ | ᠵᠠᠰᠠᠭᠰᠠᠨ ᠳᠠᠩᠰᠠ ᠡᠪᠬᠡᠮᠡᠯ ᠪᠠᠶᠢᠭᠤᠯᠬᠤ ᠬᠡᠷᠡᠭᠲᠡᠢ᠃ | ᠮᠠᠰᠢᠨ ᠲᠡᠷᠭᠡᠨ ᠤ ᠥᠮᠴᠢᠯᠡᠭᠴᠢ ᠥᠪᠡᠰᠦᠪᠡᠨ ᠡᠷᠬᠡ ᠮᠡᠳᠡᠨ ᠮᠠᠰᠢᠨ ᠲᠡᠷᠭᠡ ᠰᠡᠯᠪᠢᠨ ᠵᠠᠰᠠᠬᠤ ᠦᠢᠯᠡᠰ | ᠡᠵᠡᠩᠨᠡᠭᠴᠢ ᠶᠢ ᠰᠣᠩᠭᠤᠵᠣ ᠮᠠᠰᠢᠨ ᠲᠡᠷᠭᠡ ᠪᠠᠨ ᠰᠡᠯᠪᠢᠨ ᠵᠠᠰᠠᠭᠤᠯᠵᠣ ᠪᠤᠯᠣᠨ᠎ᠠ᠃ ᠶᠠᠮᠠᠷᠪᠠ ᠨᠢᠭᠡᠴᠠ ᠪᠠ ᠬᠤᠪᠢ | ᠬᠥᠮᠥᠨ ᠮᠠᠰᠢᠨ ᠲᠡᠷᠭᠡᠨ ᠤ ᠥᠮᠴᠢᠯᠡᠭᠴᠢ ᠶᠢ ᠠᠯᠪᠠᠳᠠᠬᠤ ᠪᠤᠶᠣ ᠥᠭᠡᠷ᠎ᠡ ᠬᠡᠯᠪᠡᠷᠢ ᠪᠠᠷ ᠠᠯᠪᠠᠳᠠᠨ ᠵᠢᠭᠠᠨ | ᠲᠤᠭᠳᠠᠭᠠᠭᠰᠠᠨ ᠮᠠᠰᠢᠨ ᠲᠡᠷᠭᠡ ᠰᠡᠯᠪᠢᠨ ᠵᠠᠰᠠᠬᠤ ᠭᠠᠵᠠᠷ ᠲᠤ ᠰᠡᠯᠪᠢᠨ ᠵᠠᠰᠠᠭᠤᠯᠵᠣ ᠪᠤᠯᠬᠤ ᠥᠭᠡᠢ᠃ | ᠬᠤᠷᠢᠨ ᠨᠢᠭᠡᠳᠥᠭᠡᠷ ᠵᠥᠢᠯ ᠬᠠᠥᠯᠢ ᠶᠤᠰᠣᠭᠠᠷ ᠪᠠᠶᠢᠭᠤᠯᠣᠭᠳᠠᠭᠰᠠᠨ ᠲᠡᠭᠡᠭᠡᠪᠥᠷᠢ ᠶᠢᠨ ᠮᠠᠰᠢᠨ ᠤ | ᠶᠡᠷᠥᠩᠬᠡᠶᠢᠯᠡᠭᠰᠡᠨ ᠴᠢᠳᠠᠪᠣᠷᠢ ᠶᠢ ᠪᠠᠶᠢᠴᠠᠭᠠᠨ ᠰᠢᠯᠭᠠᠬᠤ ᠪᠠᠶᠢᠭᠤᠯᠣᠮᠵᠢ ᠡᠷᠬᠢᠯᠡᠭᠰᠡᠨ ᠠᠵᠢᠯ ᠲᠠᠢ ᠪᠠᠨ ᠵᠤᠬᠢᠴᠠᠭᠰᠠᠨ | ᠲᠠᠯᠠᠪᠣᠷ ᠪᠠ ᠪᠠᠶᠢᠴᠠᠭᠠᠨ ᠰᠢᠯᠭᠠᠬᠤ ᠥᠢᠯᠡᠳᠪᠥᠷᠢ ᠶᠢᠨ ᠪᠠᠶᠢᠰᠢᠩ ᠲᠠᠢ ᠪᠠᠶᠢᠵᠣ᠂ ᠣᠯᠣᠰ ᠤᠨ ᠪᠠᠷᠢᠮᠵᠢᠶ᠎ᠠ ᠳᠤ | ᠨᠡᠶᠢᠴᠡᠭᠰᠡᠨ ᠪᠥᠭᠡᠳ ᠥᠪᠡᠷᠳᠡᠭᠡᠨ ᠵᠠᠰᠠᠬᠤ ᠤᠷᠣᠨ ᠤ ᠶᠠᠰᠣ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ | ᠮᠥᠴᠢᠷ ᠠᠴᠠ ᠬᠡᠮᠵᠢᠵᠣ ᠬᠢᠨᠠᠨ ᠲᠤᠭᠲᠠᠭᠠᠵᠣ ᠬᠢᠷᠢ ᠲᠡᠩᠴᠡᠭᠰᠡᠨ ᠪᠠᠶᠢᠴᠠᠭᠠᠨ ᠰᠢᠯᠭᠠᠬᠤ ᠲᠥᠬᠦᠭᠡᠷᠥᠮᠵᠢ᠂ | ᠬᠡᠮᠵᠢᠶᠡᠯᠡᠬᠦᠷ ᠲᠠᠢ ᠪᠠᠶᠢᠵᠣ᠂ ᠵᠤᠬᠢᠴᠠᠩᠭᠤᠢ ᠲᠣᠰᠬᠠᠢ ᠮᠡᠷᠭᠡᠵᠢᠯ ᠤᠨ ᠬᠥᠮᠥᠰ ᠲᠠᠢ ᠪᠥᠭᠡᠳ ᠥᠪᠡᠷᠲᠡᠭᠡᠨ ᠵᠠᠰᠠᠬᠤ | ᠤᠷᠣᠨ ᠤ ᠶᠠᠰᠣ ᠴᠢᠨᠠᠷ ᠮᠡᠷᠭᠡᠵᠢᠯ ᠤᠨ ᠬᠢᠨᠠᠯᠲᠠ ᠲᠠᠯᠪᠢᠬᠤ ᠰᠠᠯᠠᠭ᠎ᠠ ᠮᠥᠴᠢᠷ ᠤᠨ ᠬᠡᠮᠵᠢᠯᠲᠡ ᠶᠢ ᠭᠡᠷᠡᠴᠢᠯᠡᠬᠦ ᠬᠢᠷᠢ | ᠲᠡᠩᠴᠡᠭᠰᠡᠨ ᠥᠨᠡᠮᠯᠡᠯ ᠲᠠᠢ ᠪᠠᠶᠢᠬᠤ ᠬᠡᠷᠡᠭᠲᠡᠢ᠃ | ᠲᠡᠭᠡᠭᠡᠪᠦᠷᠢ ᠶᠢᠨ ᠮᠠᠰᠢᠨ ᠲᠡᠷᠭᠡᠨ ᠤ ᠶᠡᠷᠦᠩᠭᠡᠶᠢᠯᠡᠭᠰᠡᠨ ᠴᠢᠳᠠᠪᠦᠷᠢ ᠶᠢ ᠪᠠᠶᠢᠴᠠᠭᠠᠨ ᠰᠢᠯᠭᠠᠬᠤ ᠪᠠᠶᠢᠭᠤᠯᠣᠮᠵᠢ | ᠪᠠᠶᠢᠭᠤᠯᠣᠭᠳᠠᠬᠰᠠᠨ ᠡᠳᠦᠷ ᠠᠴᠠ ᠪᠠᠨ ᠡᠬᠢᠯᠡᠵᠦ᠂ 15 ᠡᠳᠦᠷ ᠤᠨ ᠲᠣᠳᠣᠷ᠎ᠠ ᠦᠪᠡᠷᠲᠡᠭᠡᠨ ᠵᠠᠰᠠᠬᠤ ᠣᠷᠣᠨ ᠤ | ᠵᠠᠮ ᠲᠡᠭᠡᠭᠡᠪᠦᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠳᠤ ᠲᠠᠩᠰᠠᠯᠠᠭᠤᠯᠬᠤ ᠬᠡᠷᠡᠭᠲᠠᠢ᠃ | ᠬᠤᠷᠢᠨ ᠬᠤᠶᠠᠳᠣᠭᠠᠷ ᠵᠦᠢᠯ ᠲᠡᠭᠡᠭᠡᠪᠦᠷᠢ ᠶᠢᠨ ᠮᠠᠰᠢᠨ ᠤ ᠶᠡᠷᠦᠩᠬᠡᠶᠢᠯᠩᠰᠡᠨ ᠴᠢᠳᠠᠪᠦᠷᠢ ᠶᠢ ᠪᠠᠶᠢᠴᠠᠭᠠᠨ | ᠰᠢᠯᠭᠠᠬᠤ ᠦᠢᠯᠡᠰ ᠡᠵᠡᠩᠨᠡᠭᠴᠢ ᠣᠯᠣᠰ ᠤᠨ ᠬᠤᠯᠪᠣᠭᠳᠠᠯ ᠪᠦᠬᠦᠢ ᠪᠠᠶᠢᠴᠠᠭᠠᠨ ᠰᠢᠯᠭᠠᠬᠤ ᠮᠡᠷᠭᠡᠵᠢᠯ ᠤᠨ ᠪᠠᠷᠢᠮᠵᠢᠶ᠎ᠠ | ᠶᠣᠰᠣᠭᠠᠷ ᠲᠡᠭᠡᠭᠡᠪᠦᠷᠢ ᠶᠢᠨ ᠮᠠᠰᠢᠨ ᠢ ᠪᠠᠶᠢᠴᠠᠭᠠᠨ ᠰᠢᠯᠭᠠᠵᠣ᠂ ᠪᠠᠶᠢᠴᠠᠭᠠᠨ ᠰᠢᠯᠭᠠᠭᠰᠠᠨ ᠦᠷ᠎ᠡ ᠳ᠋ᠦᠡᠭ ᠪᠣᠶᠣ | ᠪᠠᠶᠢᠴᠠᠭᠠᠨ ᠰᠢᠯᠭᠠᠭᠰᠠᠨ ᠮᠡᠳᠡᠭᠦᠯᠦᠯᠳᠡ ᠶᠢ ᠦᠨᠡᠨ ᠪᠣᠳᠠᠲᠠᠢ ᠪᠠᠷ ᠬᠠᠨᠭ᠍ᠭᠠᠬᠤ ᠪᠦᠭᠡᠳ ᠪᠠᠶᠢᠴᠠᠭᠠᠨ ᠰᠢᠯᠭᠠᠭᠰᠠᠨ | ᠦᠷ᠎ᠠ ᠳ᠋ᠦᠩ ᠪᠤᠶᠤ ᠪᠠᠶᠢᠴᠠᠭᠠᠠ ᠰᠢᠯᠭᠠᠭᠰᠠᠠ ᠮᠡᠳᠡᠭᠦᠯᠦᠯᠲᠡ ᠳᠤ ᠬᠠᠣᠯᠢ ᠴᠠᠭᠠᠵᠠ ᠶᠢᠨ ᠬᠠᠷᠢᠭᠤᠴᠠᠯᠭ᠎ᠠ | ᠡᠭᠦᠷᠭᠡᠯᠡᠨ᠎ᠡ᠃ | ᠬᠤᠷᠢᠨ ᠭᠤᠷᠪᠠᠳᠣᠭᠠᠷ ᠵᠦᠢᠯ ᠮᠠᠰᠢᠨ ᠲᠡᠷᠭᠡᠨ ᠤ ᠵᠢᠯᠣᠭᠤᠴᠢ ᠪᠤᠯᠪᠠᠰᠣᠷᠠᠭᠤᠯᠬᠤ ᠪᠠᠶᠢᠭᠤᠯᠣᠮᠵᠢ ᠬᠢᠨᠠᠨ | ᠲᠤᠭᠲᠠᠭᠠᠭᠰᠠᠨ ᠡᠵᠡᠩᠨᠡᠯᠲᠡ ᠶᠢᠨ ᠬᠡᠪᠴᠢᠶ᠎ᠠ᠂ ᠵᠢᠭᠠᠨ ᠰᠣᠷᠭᠠᠬᠤ ᠲᠠᠯᠠᠪᠣᠷ ᠪᠠ ᠲᠤᠭᠳᠠᠭᠰᠠᠨ ᠪᠤᠯᠪᠠᠰᠣᠷᠠᠭᠤᠯᠬᠤ | ᠰᠣᠷᠣᠯᠴᠠᠭ᠎ᠠ ᠶᠢᠨ ᠴᠠᠭ ᠶᠤᠰᠣᠭᠠᠷ ᠪᠤᠯᠪᠠᠰᠣᠷᠠᠭᠤᠯᠬᠤ ᠠᠵᠢᠯ ᠢᠶᠠᠨ ᠡᠷᠬᠢᠯᠡᠵᠣ᠂ ︽ᠪᠥᠭᠦᠲᠡ ᠨᠠᠶᠢᠷᠠᠮᠳᠠᠬᠤ | ᠲᠣᠮᠳᠠᠲᠣ ᠠᠷᠠᠳ ᠣᠯᠣᠰ ᠤᠨ ᠮᠠᠰᠢᠨ ᠲᠡᠷᠭᠡᠨ ᠤ ᠵᠢᠯᠣᠭᠤᠴᠢ ᠶᠢᠨ ᠪᠤᠯᠪᠠᠰᠣᠷᠠᠯ ᠤᠨ ᠲᠡᠮᠲᠡᠭᠯᠡᠯ︾ ᠢ ᠥᠨᠡᠨ | ᠪᠤᠲᠠᠲᠠᠢ ᠪᠠᠷ ᠲᠠᠭᠯᠠᠬᠤ ᠬᠡᠷᠡᠭᠲᠡᠢ᠃ ᠮᠠᠰᠢᠨ ᠲᠡᠷᠭᠡᠨ ᠤ ᠵᠢᠯᠣᠭᠤᠴᠢ ᠪᠤᠯᠪᠠᠰᠣᠷᠠᠭᠤᠯᠬᠤ ᠪᠠᠶᠢᠭᠤᠯᠣᠮᠵᠢ ᠶᠢᠨ | ᠪᠤᠯᠪᠠᠰᠣᠷᠠᠭᠤᠯᠣᠭᠰᠠᠨ ᠰᠣᠷᠣᠭᠴᠢ ᠪᠤᠯᠪᠠᠰᠣᠷᠠᠭᠰᠠᠨ ᠲᠡᠮᠳᠡᠭᠯᠡᠯ ᠢᠶᠠᠷ ᠢᠶᠠᠨ ᠮᠠᠰᠢᠨ ᠲᠡᠷᠭᠡᠨ ᠤ ᠵᠢᠯᠣᠭᠤᠴᠢ ᠶᠢᠨ | ᠥᠨᠡᠮᠯᠡᠯ ᠤᠨ ᠰᠢᠯᠭᠠᠯᠲᠠ ᠳᠤ ᠨᠡᠷ᠎ᠡ ᠮᠡᠳᠡᠭᠦᠯᠵᠣ᠂ ᠲᠤᠲᠣᠭᠠᠳᠣ ᠶᠢ ᠬᠠᠮᠠᠭᠠᠯᠠᠬᠤ ᠪᠠᠶᠢᠭᠤᠯᠣᠯᠭ᠎ᠠ ᠶᠢᠨ ᠵᠠᠮ | ᠬᠠᠷᠢᠯᠴᠠᠭᠠᠨ ᠤ ᠬᠠᠮᠢᠶᠠᠷᠣᠯᠲᠠ ᠶᠢᠨ ᠰᠠᠯᠠᠭ᠎ᠠ ᠮᠥᠴᠢᠷ ᠠᠴᠠ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ | ᠪᠠᠶᠢᠭᠤᠯᠣᠮᠵᠢ ᠶᠢᠨ ᠬᠢᠨᠠᠨ ᠬᠠᠷᠭᠤᠭᠤᠯᠣᠭᠰᠠᠨ ᠪᠤᠯᠪᠠᠰᠣᠷᠠᠭᠰᠠᠨ ᠲᠡᠮᠳᠡᠭᠯᠡᠯ ᠢ ᠥᠨᠳᠥᠰᠥᠯᠡᠵᠣ ᠮᠠᠰᠢᠨ ᠲᠡᠷᠭᠡᠨ ᠤ | ᠵᠢᠯᠣᠭᠤᠴᠢ ᠶᠢᠨ ᠥᠨᠡᠮᠯᠡᠯ ᠰᠢᠯᠭᠠᠬᠤ ᠡᠷᠭᠦᠳᠡᠯ ᠢ ᠬᠥᠯᠢᠶᠡᠨ ᠠᠪᠴᠣ ᠰᠢᠢᠳᠪᠥᠷᠢᠯᠡᠨᠠ᠃ | ᠮᠠᠰᠢᠨ ᠲᠡᠷᠭᠡᠨ ᠤ ᠵᠢᠯᠣᠭᠤᠴᠢ ᠪᠤᠯᠪᠠᠰᠣᠷᠠᠭᠤᠯᠬᠤ ᠪᠠᠶᠢᠭᠤᠯᠣᠮᠵᠢ ᠶᠢᠨ ᠵᠢᠭᠠᠨ ᠰᠣᠷᠭᠠᠭᠴᠢ ᠥᠪᠡᠷᠲᠡᠭᠡᠨ | ᠵᠠᠰᠠᠬᠤ ᠤᠷᠣᠨ ᠤ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠰᠢᠯᠭᠠᠯᠲᠠ ᠳᠤ ᠬᠢᠷᠢ ᠲᠡᠩᠴᠠᠨ | ᠵᠢᠭᠠᠨ ᠰᠣᠷᠭᠠᠭᠴᠢ ᠶᠢᠨ ᠥᠨᠡᠮᠯᠡᠯ ᠤᠯᠵᠣ ᠥᠨᠡᠮᠯᠡᠯ ᠢᠶᠠᠨ ᠭᠠᠷᠳᠠᠨ ᠠᠵᠢᠯᠯᠠᠬᠤ ᠬᠡᠷᠡᠭᠲᠡᠢ᠃ ᠵᠢᠭᠠᠨ ᠰᠣᠷᠭᠠᠭᠴᠢ | ᠬᠢᠨᠠᠨ ᠲᠤᠭᠳᠠᠭᠠᠭᠰᠠᠨ ᠲᠥᠷᠥᠯ ᠵᠥᠢᠯ ᠶᠤᠰᠣᠭᠠᠷ ᠵᠢᠭᠠᠨ ᠰᠣᠷᠭᠠᠬᠤ ᠪᠤᠯᠪᠠᠰᠣᠷᠠᠯ ᠬᠢᠬᠦ ᠬᠡᠷᠡᠭᠲᠡᠢ᠃ | ᠬᠤᠷᠢᠨ ᠲᠥᠷᠪᠡᠳᠥᠭᠡᠷ ᠵᠥᠢᠯ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠶᠢ ᠡᠵᠠᠩᠨᠡᠭᠴᠢ ᠣᠯᠣᠰ ᠤᠨ | ᠲᠤᠭᠳᠠᠭᠠᠭᠰᠠᠨ ᠠᠶᠣᠯᠭᠦᠢ ᠠᠵᠢᠯᠯᠠᠬᠤ ᠲᠥᠷᠢᠮ ᠶᠤᠰᠣᠭᠠᠷ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠶᠢ | ᠵᠤᠬᠢᠶᠠᠨ ᠪᠠᠶᠢᠭᠤᠯᠬᠤ ᠬᠡᠷᠡᠭᠲᠡᠢ᠃ ᠥᠮᠴᠢᠲᠡᠨ ᠡᠳ᠋ ᠪᠠᠷᠠᠭ᠎ᠠ ᠶᠢ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠳᠤ | ᠤᠨᠴᠠᠭᠠᠢ ᠱᠠᠭᠠᠷᠳᠠᠯᠭ᠎ᠠ ᠲᠠᠢ ᠪᠤᠯ ᠡᠳ᠋ ᠪᠠᠷᠠᠭᠠᠨ ᠤ ᠪᠤᠭᠤᠳᠠᠯ ᠳᠡᠭᠡᠷ᠎ᠡ ᠲᠤᠳᠣᠷᠬᠠᠢᠢᠯᠠᠭᠰᠠᠨ ᠱᠠᠭᠠᠷᠳᠠᠯᠭ᠎ᠠ | ᠶᠤᠰᠣᠭᠠᠷ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠬᠡᠷᠡᠭᠲᠡᠢ᠃ | ᠶᠠᠮᠠᠷᠪᠠ ᠨᠢᠭᠡᠴᠠ ᠪᠠ ᠬᠤᠪᠢ ᠬᠥᠮᠥᠨ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠠᠵᠢᠯ ᠢ ᠭᠠᠭᠴᠠᠭᠠᠷ | ᠡᠵᠡᠮᠰᠢᠵᠣ ᠪᠤᠯᠬᠤ ᠥᠭᠡᠢ᠂ ᠬᠥᠴᠥᠷᠬᠡᠭᠯᠡᠨ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠵᠣ ᠪᠤᠯᠬᠤ ᠥᠭᠡᠢ᠃ | ᠲᠥᠷᠪᠡᠳᠥᠭᠡᠷ ᠪᠥᠯᠥᠭ ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ | ᠬᠤᠷᠢᠨ ᠲᠠᠪᠣᠳᠣᠭᠠᠷ ᠵᠥᠢᠯ ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ ᠶᠢᠨ ᠦᠢᠯᠡᠰ ᠡᠵᠡᠩᠨᠡᠬᠦ ᠪᠠᠷ | ᠭᠤᠶᠣᠴᠢᠯᠠᠬᠤ ᠳᠤ᠂ ︽ᠪᠥᠭᠦᠲᠡ ᠨᠠᠶᠢᠷᠠᠮᠳᠠᠬᠤ ᠲᠣᠮᠳᠠᠲᠣ ᠠᠷᠠᠳ ᠣᠯᠣᠰ ᠤᠨ ᠵᠠᠮ ᠲᠡᠭᠡᠭᠡᠪᠥᠷᠢ ᠶᠢᠨ ᠲᠥᠷᠢᠮ︾ | ᠳᠤ ᠲᠤᠭᠳᠠᠭᠠᠭᠰᠠᠨ ᠨᠥᠭᠦᠴᠡᠯ ᠳᠤ ᠨᠡᠶᠢᠴᠡᠬᠦ ᠬᠡᠷᠡᠭᠲᠡᠢ᠃ | ᠬᠤᠷᠢᠨ ᠵᠢᠷᠭᠤᠳᠣᠭᠠᠷ ᠵᠥᠢᠯ ᠥᠪᠡᠷᠲᠡᠭᠡᠨ ᠵᠠᠰᠠᠬᠤ ᠤᠷᠣᠨ ᠤ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠭᠠᠷᠠᠮ ᠪᠤᠭᠤᠮᠲᠠ ᠳᠤ ᠪᠠᠶᠢᠭᠤᠯᠣᠭᠰᠠᠨ ᠣᠯᠣᠰ ᠤᠨ ᠬᠤᠭᠤᠷᠣᠨᠳᠣᠬᠢ | ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ᠂ ᠪᠤᠭᠤᠮᠲᠠ ᠶᠢᠨ ᠪᠠᠶᠢᠴᠠᠭᠠᠨ ᠰᠢᠯᠭᠠᠬᠤ ᠲᠣᠬᠠᠢ ᠶᠢᠨ | ᠭᠠᠵᠠᠷ ᠲᠤ ᠬᠢᠯᠢ ᠪᠠᠷ ᠤᠷᠣᠵᠣ ᠭᠠᠷᠬᠤ ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ ᠶᠢᠨ ᠮᠠᠰᠢᠨ ᠲᠡᠷᠬᠡᠨ ᠳᠤ | ᠬᠢᠨᠠᠯᠲᠠ ᠲᠠᠯᠪᠢᠵᠣ ᠪᠠᠶᠢᠴᠠᠭᠠᠨ᠎ᠠ᠃ | ᠬᠤᠷᠢᠨ ᠲᠤᠯᠣᠳᠣᠭᠠᠷ ᠵᠥᠢᠯ ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ ᠶᠢᠨ ᠦᠢᠯᠡᠰ ᠡᠵᠡᠩᠨᠡᠭᠴᠢ | ᠣᠯᠣᠰ ᠤᠨ ᠬᠤᠭᠤᠷᠣᠨᠳᠣᠬᠢ ᠵᠠᠮ ᠲᠡᠭᠡᠭᠡᠪᠥᠷᠢ ᠶᠢᠨ ᠦᠢᠯᠡᠰ ᠡᠵᠡᠩᠨᠡᠬᠦ ᠵᠥᠪᠰᠢᠶᠡᠷᠡᠯ ᠤᠨ ᠥᠨᠡᠮᠯᠡᠯ ᠵᠢᠴᠢ | ᠬᠤᠯᠪᠣᠭᠳᠠᠯ ᠪᠥᠬᠦᠢ ᠪᠢᠴᠢᠭ ᠮᠠᠲ᠋ᠧᠷᠢᠶᠠᠯ ᠭᠠᠷᠳᠠᠵᠣ᠂ ᠬᠠᠥᠯᠢ ᠶᠤᠰᠣᠭᠠᠷ ᠬᠤᠯᠪᠣᠭᠳᠠᠯ ᠪᠥᠬᠦᠢ ᠰᠠᠯᠠᠭ᠎ᠠ ᠮᠥᠴᠢᠷ | ᠢᠶᠠᠷ ᠬᠢᠯᠢ ᠪᠠᠷ ᠤᠷᠣᠵᠣ ᠭᠠᠷᠬᠤ ᠭᠠᠷᠳᠠᠮ ᠬᠢᠯᠭᠡᠬᠦ ᠬᠡᠷᠡᠭᠲᠡᠢ᠃ | ᠲᠠᠪᠣᠳᠣᠭᠠᠷ ᠪᠥᠯᠥᠭ ᠬᠢᠨᠠᠯᠳᠠ ᠲᠠᠯᠪᠢᠨ ᠪᠠᠶᠢᠴᠠᠭᠠᠬᠤ | ᠬᠤᠷᠢᠨ ᠨᠠᠢᠮᠠᠳᠣᠭᠠᠷ ᠵᠥᠢᠯ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠵᠢᠴᠢ ᠬᠠᠥᠯᠢ | ᠬᠡᠷᠡᠭᠵᠢᠭᠦᠯᠥᠭᠴᠢᠳ ᠬᠠᠥᠯᠢ ᠳᠤ ᠲᠤᠭᠳᠠᠭᠠᠭᠰᠠᠨ ᠡᠷᠬᠡ ᠶᠢᠨ ᠬᠢᠵᠠᠭᠠᠷ ᠪᠠ ᠳᠡᠰ ᠳᠠᠷᠠᠭᠠᠯᠠᠯ ᠶᠤᠰᠣᠭᠠᠷ ᠢᠶᠠᠨ ᠲᠥᠪ | ᠴᠢᠩᠭ᠎ᠠ ᠪᠠᠷ ᠬᠢᠨᠠᠯᠲᠠ ᠲᠠᠯᠪᠢᠵᠣ ᠪᠠᠶᠢᠴᠠᠭᠠᠬᠤ ᠪᠥᠭᠡᠳ ᠵᠠᠮ ᠬᠠᠷᠢᠯᠴᠠᠭ᠎ᠠ ᠰᠠᠭᠠᠳ ᠥᠭᠡᠢ ᠨᠡᠪᠲᠡᠷᠡᠬᠦ ᠶᠢ | ᠪᠠᠲᠣᠯᠠᠬᠤ ᠬᠡᠷᠡᠭᠲᠡᠢ᠃ | ᠬᠤᠷᠢ ᠶᠢᠰᠥᠳᠥᠭᠡᠷ ᠵᠥᠢᠯ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠣᠴᠢᠷ ᠶᠠᠪᠣᠳᠠᠯ | ᠰᠢᠢᠳᠪᠦᠷᠢᠯᠡᠬᠦ ᠲᠤᠭᠳᠠᠭᠠᠯ ᠢᠶᠠᠨ ᠢᠯᠡ ᠪᠤᠯᠭᠠᠵᠣ᠂ ᠢᠯᠡᠴᠢᠯᠡᠨ ᠮᠡᠳᠡᠭᠦᠯᠬᠦ ᠲᠤᠭᠳᠠᠭᠠᠯ ᠭᠠᠷᠭᠠᠠ᠂ ᠨᠡᠶᠢᠭᠡᠮ ᠪᠠ | ᠠᠷᠠᠳ ᠢᠷᠭᠡᠳ ᠤᠨ ᠬᠢᠨᠠᠯᠲᠠ ᠶᠢ ᠬᠥᠯᠢᠶᠡᠬᠦ ᠬᠡᠷᠡᠭᠲᠡᠢ᠂ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ᠂ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠵᠢᠴᠢ ᠪᠤᠰᠣᠳ | ᠬᠤᠯᠪᠣᠭᠳᠠᠯ ᠪᠥᠬᠦᠢ ᠰᠠᠯᠠᠭ᠎ᠠ ᠮᠥᠴᠢᠷ ᠢᠯᠡᠴᠢᠯᠡᠨ ᠮᠡᠳᠡᠭᠦᠯᠥᠯᠲᠡ ᠶᠢ ᠤᠯᠣᠭᠰᠠᠨ ᠤ ᠳᠠᠷᠠᠭ᠎ᠠ ᠬᠠᠥᠯᠢ ᠶᠤᠰᠣᠭᠠᠷ | ᠴᠠᠭ ᠲᠣᠬᠠᠢ ᠳᠤᠨᠢ ᠪᠠᠶᠢᠴᠠᠭᠠᠨ ᠰᠢᠢᠳᠪᠥᠷᠢᠯᠡᠬᠦ ᠬᠡᠷᠡᠭᠲᠡᠢ᠃ | ᠭᠤᠴᠢᠳᠣᠭᠠᠷ ᠵᠥᠢᠯ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠠᠵᠢᠯᠲᠠᠨ ᠬᠠᠥᠯᠢ | ᠶᠤᠰᠣᠭᠠᠷ ᠬᠢᠨᠠᠯᠲᠠ ᠲᠠᠯᠪᠢᠵᠣ ᠪᠠᠶᠢᠴᠠᠭᠠᠬᠤ ᠥᠶᠡᠰ᠂ ᠬᠤᠶᠠᠷ ᠠᠴᠠ ᠳᠡᠭᠡᠭᠰᠢᠬᠢ ᠬᠥᠮᠥᠨ ᠤᠷᠣᠯᠴᠠᠵᠣ᠂ ᠬᠠᠥᠯᠢ | ᠬᠡᠷᠡᠭᠵᠢᠭᠦᠯᠬᠦ ᠲᠡᠮᠳᠡᠭ ᠵᠡᠭᠦᠵᠣ᠂ ᠵᠠᠰᠠᠭ ᠵᠠᠬᠢᠷᠭᠠᠨ ᠤ ᠬᠠᠥᠯᠢ ᠬᠡᠷᠡᠭᠵᠢᠭᠦᠯᠬᠦ ᠥᠨᠡᠮᠯᠡᠯ ᠢᠶᠠᠨ ᠥᠵᠡᠭᠦᠯᠥᠨ | ᠪᠤᠯᠪᠠᠰᠣᠨ ᠢᠶᠠᠷ ᠬᠠᠥᠯᠢ ᠬᠡᠷᠡᠭᠵᠢᠭᠦᠯᠬᠦ ᠬᠡᠷᠡᠭᠲᠡᠢ᠃ | ᠵᠠᠮ ᠲᠡᠭᠡᠭᠡᠪᠥᠷᠢ ᠳᠤ ᠬᠢᠨᠠᠯᠲᠠ ᠲᠠᠯᠪᠢᠵᠣ ᠪᠠᠶᠢᠴᠠᠭᠠᠬᠤ ᠳᠤ ᠲᠣᠰᠬᠠᠢ ᠬᠡᠷᠡᠭᠯᠡᠬᠦ ᠮᠠᠰᠢᠨ ᠲᠡᠷᠭᠡᠨ ᠳᠤ᠂ ᠲᠤᠭᠳᠠᠭᠠᠯ | ᠶᠤᠰᠣᠭᠠᠷ ᠲᠣᠰᠬᠠᠢ ᠬᠡᠷᠡᠭᠯᠡᠬᠦ ᠲᠡᠮᠳᠡᠭ ᠪᠠ ᠳ᠋ᠧᠩ ᠤᠨ ᠵᠦᠢᠯ ᠣᠭᠰᠠᠷᠠᠬᠤ ᠬᠡᠷᠡᠭᠲᠡᠢ᠃ | ᠭᠤᠴᠢᠨ ᠨᠢᠭᠡᠳᠥᠭᠡᠷ ᠵᠥᠢᠯ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠶᠢᠨ ᠠᠵᠢᠯᠲᠠᠨ | ᠬᠢᠨᠠᠯᠲᠠ ᠲᠠᠯᠪᠢᠵᠣ ᠪᠠᠶᠢᠴᠠᠭᠠᠬᠤ ᠥᠶᠡᠰ᠂ ᠮᠠᠰᠢᠨ ᠲᠡᠷᠭᠡᠨ ᠤ ᠲᠡᠭᠡᠭᠡᠪᠥᠷᠢ ᠶᠢᠨ ᠡᠵᠡᠩᠨᠡᠯᠲᠡ ᠶᠢᠨ ᠥᠨᠡᠮᠯᠡᠯ ᠥᠭᠡᠢ | ᠪᠥᠭᠡᠳ ᠲᠣᠬᠠᠢ ᠶᠢᠨ ᠥᠶᠡᠰ ᠪᠤᠰᠣᠳ ᠬᠥᠴᠥᠨ ᠪᠥᠬᠦᠢ ᠥᠨᠡᠮᠯᠠᠯ ᠬᠠᠩᠭᠠᠵᠣ ᠴᠢᠳᠠᠬᠤ ᠥᠭᠡᠢ ᠮᠠᠰᠢᠨ ᠲᠡᠷᠭᠡ ᠶᠢ | ᠲᠥᠷ ᠰᠠᠭᠠᠳᠠᠭᠠᠬᠤ ᠳᠤ᠂ ︽ᠵᠠᠮ ᠲᠡᠭᠡᠭᠡᠪᠥᠷᠢ ᠶᠢᠨ ᠮᠠᠰᠢᠨ ᠲᠡᠷᠭᠡ ᠶᠢ ᠲᠥᠷ ᠰᠠᠭᠠᠳᠠᠭᠠᠬᠤ ᠥᠨᠡᠮᠯᠡᠯ︾ ᠭᠠᠷᠭᠠᠬᠤ | ᠬᠡᠷᠡᠭᠲᠡᠢ ᠪᠥᠭᠡᠳ ᠲᠣᠬᠠᠢ ᠶᠢᠨ ᠬᠥᠮᠥᠨ ᠳᠤ ᠬᠠᠥᠯᠢ ᠶᠤᠰᠣᠨ ᠤ ᠡᠷᠬᠡ ᠶᠢ ᠨᠢ ᠮᠡᠳᠡᠭᠳᠡᠬᠦ ᠬᠡᠷᠡᠭᠲᠡᠢ᠃ ᠲᠡᠷᠭᠡᠨ ᠳᠤ | ᠲᠡᠭᠡᠭᠡᠪᠦᠷᠢᠯᠡᠵᠣ ᠪᠠᠶᠢᠭ᠎ᠠ ᠠᠶᠠᠨᠴᠢᠳ ᠤᠨ ᠪᠤᠰᠣᠳ ᠮᠠᠰᠢᠨ ᠳᠡᠷᠭᠡᠨ ᠳᠤ ᠰᠠᠭᠤᠬᠤ ᠳᠤ ᠴᠢᠬᠤᠯᠠ ᠪᠥᠬᠦᠢ ᠳᠡᠮᠵᠢᠯᠭᠡ | ᠬᠠᠩᠭᠠᠵᠣ᠂ ᠬᠡᠷᠡᠭᠰᠡᠬᠦ ᠵᠠᠷᠣᠳᠠᠯ ᠢ ᠡᠵᠡᠩᠨᠡᠭᠴᠢ ᠡᠭᠦᠷᠭᠡᠯᠡᠨ᠎ᠠ᠃ | ᠲᠣᠬᠠᠢ ᠶᠢᠨ ᠬᠥᠮᠥᠨ 15 ᠡᠳᠥᠷ ᠤᠨ ᠲᠤᠳᠣᠷ᠎ᠠ ᠲᠤᠭᠳᠠᠭᠰᠠᠨ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ | ᠪᠠᠶᠢᠭᠤᠯᠣᠮᠵᠢ ᠳᠤ ᠤᠴᠢᠵᠣ ᠰᠢᠳᠭᠡᠯ ᠬᠥᠯᠢᠶᠡᠬᠦ ᠬᠡᠷᠡᠭᠲᠡᠢ᠃ ᠲᠣᠬᠠᠢ ᠶᠢᠨ ᠬᠥᠮᠥᠨ ᠵᠠᠰᠠᠭ ᠵᠠᠬᠢᠷᠭᠠᠨ ᠤ ᠰᠢᠳᠭᠡᠨ | ᠲᠤᠷᠭᠠᠬᠤ ᠳᠤᠭᠳᠠᠭᠠᠯ ᠢ ᠭᠥᠢᠴᠡᠳᠭᠡᠬᠦ ᠪᠤᠶᠣ ᠪᠤᠰᠣᠳ ᠰᠢᠳᠭᠡᠯ ᠢ ᠬᠥᠯᠢᠶᠡᠭᠰᠡᠨ ᠤ ᠳᠠᠷᠠᠭ᠎ᠠ᠂ ᠵᠠᠮ ᠲᠡᠭᠡᠭᠡᠪᠥᠷᠢ | ᠶᠢᠨ ᠬᠠᠮᠢᠶᠠᠷᠣᠯᠲᠠ ᠶᠢᠨ ᠪᠠᠶᠢᠭᠤᠯᠣᠮᠵᠢ ᠴᠠᠭ ᠲᠣᠬᠠᠢ ᠳᠤᠨᠢ ᠲᠥᠷ ᠰᠠᠭᠠᠳᠠᠭᠠᠭᠰᠠᠨ ᠲᠡᠭᠡᠭᠡᠪᠥᠷᠢ ᠶᠢᠨ ᠮᠠᠰᠢᠨ ᠢ | ᠪᠤᠴᠠᠭᠠᠬᠤ ᠬᠡᠷᠡᠭᠲᠡᠢ︔ ᠲᠣᠬᠠᠢ ᠶᠢᠨ ᠬᠥᠮᠥᠨ ᠵᠠᠰᠠᠭ ᠵᠠᠬᠢᠷᠭᠠᠨ ᠤ ᠰᠢᠳᠭᠡᠨ ᠲᠤᠷᠭᠠᠬᠤ ᠳᠤᠭᠳᠠᠭᠠᠯ ᠢ | ᠬᠤᠭᠤᠴᠠᠭ᠎ᠠ ᠬᠡᠲᠥᠷᠡᠭᠦᠯᠥᠨ ᠭᠥᠢᠴᠡᠳᠭᠡᠬᠦ ᠥᠭᠡᠢ ᠪᠤᠯ᠂ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ | ᠠᠷᠠᠳ ᠤᠨ ᠰᠢᠭᠦᠬᠦ ᠬᠤᠷᠢᠶ᠎ᠠ ᠳᠤ ᠭᠤᠶᠣᠴᠢᠯᠠᠵᠣ ᠠᠯᠪᠠᠳᠠᠨ ᠬᠡᠷᠡᠭᠵᠢᠭᠦᠯᠵᠣ ᠪᠤᠯᠣᠨ᠎ᠠ᠃ | ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠲᠥᠷ ᠰᠠᠭᠠᠳᠠᠭᠠᠭᠰᠠᠨ ᠲᠡᠭᠡᠭᠡᠪᠥᠷᠢ ᠶᠢᠨ ᠮᠠᠰᠢᠨ | ᠲᠡᠷᠭᠡ ᠶᠢ ᠲᠤᠤᠱᠲᠠᠢ ᠬᠠᠳᠠᠭᠠᠯᠠᠨ ᠬᠠᠮᠢᠶᠠᠷᠴᠣ᠂ ᠬᠠᠳᠠᠭᠠᠯᠠᠨ ᠬᠠᠮᠢᠶᠠᠷᠬᠤ ᠰᠥᠢᠳᠭᠡᠯ ᠬᠤᠷᠢᠶᠠᠬᠤ ᠪᠤᠶᠣ ᠥᠭᠡᠷ᠎ᠠ | ᠬᠡᠯᠪᠡᠷᠢ ᠪᠠᠷ ᠬᠤᠷᠢᠶᠠᠵᠣ ᠪᠤᠯᠬᠤ ᠥᠭᠡᠢ᠂ ᠭᠡᠭᠡᠵᠣ᠂ ᠡᠪᠳᠡᠯᠦᠭᠰᠡᠨ ᠪᠤᠯ ᠬᠠᠥᠯᠢ ᠶᠤᠰᠣᠭᠠᠷ ᠲᠥᠯᠥᠬᠦ ᠬᠡᠷᠡᠭᠲᠡᠢ᠃ | ᠵᠢᠷᠭᠤᠳᠣᠭᠠᠷ ᠪᠥᠯᠥᠭ ᠬᠠᠥᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠣᠭᠠᠷ ᠵᠥᠢᠯ ᠲᠣᠰ ᠲᠥᠷᠢᠮ ᠠᠴᠠ ᠵᠥᠷᠢᠴᠡᠭᠰᠡᠨ ᠠᠵᠢᠯᠯᠠᠭ᠎ᠠ ᠳᠤ ᠬᠠᠥᠯᠢ ᠴᠠᠭᠠᠵᠠ᠂ | ᠵᠠᠰᠠᠭ ᠵᠠᠬᠢᠷᠭᠠᠨ ᠤ ᠲᠤᠭᠳᠠᠭᠠᠯ ᠳᠤ ᠨᠢᠭᠡᠨᠲᠡ ᠰᠢᠳᠭᠡᠨ ᠲᠤᠷᠭᠠᠬᠤ ᠲᠤᠭᠳᠠᠭᠠᠯ ᠲᠠᠢ ᠪᠤᠯ ᠲᠡᠷᠡ ᠲᠤᠭᠳᠠᠭᠠᠯ ᠢ | ᠵᠢᠷᠣᠮᠯᠡᠨᠡ᠃ | ᠭᠤᠴᠢᠨ ᠭᠤᠷᠪᠠᠳᠣᠭᠠᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ ᠲᠤᠤᠷᠠᠬᠢ ᠪᠠᠶᠢᠳᠠᠯ ᠲᠠᠢ | ᠪᠤᠯ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ | ᠠᠴᠠ ᠵᠠᠷᠯᠢᠭᠳᠠᠨ ᠵᠠᠯᠠᠷᠠᠭᠤᠯᠬᠤ ᠪᠥᠭᠡᠳ 20 ᠲᠥᠭᠦᠷᠢᠭ ᠠᠴᠠ ᠳᠡᠭᠡᠭᠰᠢ 200 ᠲᠥᠭᠦᠷᠢᠭ ᠠᠴᠠ ᠲᠤᠷᠣᠭᠰᠢ | ᠵᠤᠭᠤᠰ ᠢᠶᠠᠷ ᠲᠤᠷᠭᠠᠨ᠎ᠠ᠄ | ︵ᠨᠢᠭᠡ︶ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠲᠤᠭᠳᠠᠭᠠᠯ ᠶᠤᠰᠣᠭᠠᠷ ᠢᠯᠡᠳᠭᠡᠮᠵᠢ | ᠫᠠᠶᠢᠰᠠ ᠡᠯᠭᠦᠭᠰᠡᠨ ᠥᠭᠡᠢ︔ | ︵ᠬᠤᠶᠠᠷ︶ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠥᠷᠲᠡᠭᠡᠨ ᠤ ᠭᠠᠳᠠᠨ᠎ᠠ ᠠᠶᠠᠨᠴᠢᠨ | ᠲᠠᠲᠠᠭᠰᠠᠨ︔ | ︵ᠭᠤᠷᠪᠠ︶ ᠠᠶᠠᠨᠴᠢᠳ ᠤᠨ ᠵᠦᠭᠡᠭᠡᠪᠥᠷᠢ ᠶᠢᠨ ᠦᠢᠯᠡᠰ ᠡᠵᠡᠩᠨᠡᠭᠴᠢ ᠶᠢᠨ ᠬᠠᠩᠭᠠᠭᠰᠠᠨ ᠥᠢᠯᠡᠴᠢᠯᠡᠬᠦ | ᠲᠡᠷᠭᠡᠨ ᠤ ᠲᠥᠷᠥᠯ ᠵᠥᠢᠯ᠂ ᠵᠡᠷᠭᠡ ᠳᠡᠰ ᠨᠢ ᠬᠤᠳᠠᠯᠳᠣᠭᠰᠠᠨ ᠠᠶᠠᠨᠴᠢᠨ ᠤ ᠪᠢᠯᠧᠲ ᠲᠠᠢ ᠨᠡᠶᠢᠴᠡᠬᠦ ᠥᠭᠡᠢ᠃ | ᠭᠤᠴᠢᠨ ᠲᠥᠷᠪᠡᠳᠥᠭᠡᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ᠂ ᠠᠴᠢᠶᠠᠨ ᠤ ᠲᠡᠷᠭᠡ᠂ | ᠲᠷᠠᠺᠲ᠋ᠣᠷ᠂ ᠭᠤᠷᠪᠠᠨ ᠬᠥᠷᠲᠥᠲᠣ ᠮᠠᠰᠢᠨ᠂ ᠬᠤᠷᠳᠣᠴᠠ ᠣᠳᠠᠭᠠᠨ ᠠᠴᠢᠶᠠᠨ ᠤ ᠲᠡᠷᠭᠡ᠂ ᠠᠶᠠᠨᠴᠢᠨ ᠪᠠᠷᠠᠭ᠎ᠠ | ᠲᠡᠭᠡᠭᠡᠪᠤᠷᠢᠯᠠᠬᠦ ᠮᠠᠰᠢᠨ᠂ ᠮᠣᠲ᠋ᠣᠷ ᠲᠡᠷᠭᠡ᠂ ᠬᠤᠶᠠᠷ ᠬᠥᠷᠳᠥᠲᠣ ᠪᠠ ᠭᠤᠷᠪᠠᠨ ᠬᠥᠷᠲᠥᠲᠣ ᠴᠠᠬᠢᠯᠭᠠᠨ ᠬᠤᠷᠢᠶᠠᠭᠤᠷ | ᠲᠡᠷᠭᠡ ᠵᠡᠷᠭᠡ ᠮᠠᠰᠢᠨ ᠢᠶᠠᠷ ᠠᠶᠠᠨᠴᠢᠳ ᠤᠨ ᠵᠦᠭᠡᠭᠡᠪᠥᠷᠢ ᠶᠢᠨ ᠡᠵᠡᠩᠨᠡᠯᠲᠡ ᠡᠷᠬᠢᠯᠡᠪᠡᠯ᠂ ᠬᠤᠰᠢᠭᠤ ᠰᠢᠶᠠᠨ ᠤ | ᠱᠠᠳᠣᠨ ᠠᠴᠠ ᠳᠡᠭᠡᠭᠰᠢᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠵᠠᠷᠯᠢᠭᠳᠠᠨ | ᠵᠠᠯᠠᠷᠠᠭᠤᠯᠬᠤ ᠪᠥᠭᠡᠳ ᠵᠦᠭᠡᠭᠡᠪᠦᠷᠢᠯᠡᠵᠣ ᠪᠠᠶᠢᠭ᠎ᠠ ᠬᠥᠮᠥᠨ ᠤ ᠲᠤᠭ᠎ᠠ ᠪᠠᠷ ᠬᠥᠮᠥᠨ ᠪᠥᠷᠢ ᠠᠴᠠ 50 ᠲᠥᠭᠦᠷᠢᠭ | ᠵᠤᠭᠤᠰ ᠲᠤᠷᠭᠠᠨ᠎ᠠ᠂ ᠭᠡᠲᠡᠯ᠎ᠠ ᠲᠤᠷᠭᠠᠭᠤᠯᠢ ᠬᠠᠮᠤᠭ ᠤᠨ ᠥᠨᠳᠥᠷ ᠲᠡᠭᠡᠨ 3000 ᠲᠥᠭᠦᠷᠢᠭ ᠠᠴᠠ ᠳᠠᠪᠠᠵᠣ | ᠪᠤᠯᠬᠤ ᠥᠭᠡᠢ᠃ | ᠭᠤᠴᠢᠨ ᠲᠠᠪᠣᠳᠣᠭᠠᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ᠂ ᠨᠢᠭᠡᠳᠥᠭᠡᠷ ᠳᠡᠰ ᠤᠨ | ᠠᠶᠠᠨᠴᠢᠳ ᠤᠨ ᠲᠡᠭᠡᠭᠡᠪᠥᠷᠢ ᠶᠢᠨ ᠥᠷᠲᠡᠭᠡ ︵ᠲᠠᠯᠠᠪᠣᠷ︶ ᠠᠶᠠᠨᠴᠢᠳ ᠤᠨ ᠪᠤᠭᠴᠣ ᠶᠢᠨ ᠠᠶᠤᠯᠭᠦᠢ ᠶᠢ | ᠪᠠᠶᠢᠴᠠᠭᠠᠬᠤ ᠲᠥᠬᠦᠭᠡᠷᠥᠮᠵᠢ ᠣᠭᠰᠠᠷᠠᠭᠰᠠᠨ ᠥᠭᠡᠢ ᠪᠤᠶᠣ ᠬᠡᠷᠡᠭᠯᠡᠭᠰᠡᠨ ᠥᠭᠡᠢ ᠪᠤᠯ ᠬᠤᠰᠢᠭᠤ ᠰᠢᠶᠠᠨ ᠤ ᠱᠠᠳᠣᠨ | ᠠᠴᠠ ᠳᠡᠭᠡᠭᠰᠢᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠵᠠᠷᠯᠢᠭᠳᠠᠨ ᠬᠤᠭᠤᠴᠠᠭ᠎ᠠ | ᠬᠢᠵᠠᠭᠠᠷᠯᠠᠨ ᠵᠠᠯᠠᠷᠠᠭᠤᠯᠣᠨ᠎ᠠ︔ ᠬᠤᠭᠤᠴᠠᠭ᠎ᠠ ᠨᠢ ᠬᠡᠳᠥᠷᠡᠭᠰᠡᠨ ᠪᠠᠶᠢᠳᠠᠯ᠎ᠠ ᠵᠠᠯᠠᠷᠠᠭᠤᠯᠣᠭᠰᠠᠨ ᠥᠭᠡᠢ ᠪᠤᠯ 1000 | ᠲᠥᠭᠦᠷᠢᠭ ᠠᠴᠠ ᠳᠡᠭᠡᠭᠰᠢ 5000 ᠲᠥᠭᠦᠷᠢᠭ ᠠᠴᠠ ᠳᠤᠷᠣᠭᠰᠢ ᠵᠤᠭᠤᠰ ᠢᠶᠠᠷ ᠲᠤᠷᠭᠠᠨ᠎ᠠ᠃ | ᠭᠤᠴᠢᠨ ᠵᠢᠷᠭᠤᠳᠣᠭᠠᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ᠂ ᠵᠠᠮ ᠲᠡᠭᠡᠭᠡᠪᠥᠷᠢ ᠶᠢᠨ | ᠦᠢᠯᠡᠰ ᠡᠵᠡᠩᠨᠡᠭᠴᠢ ᠣᠯᠣᠰ ᠪᠠ ᠥᠪᠡᠷᠳᠡᠭᠡᠨ ᠵᠠᠰᠠᠬᠤ ᠤᠷᠣᠨ ᠤ ᠲᠤᠭᠳᠠᠭᠠᠯ ᠶᠤᠰᠣᠭᠠᠷ ᠵᠠᠮ ᠲᠡᠭᠡᠭᠡᠪᠥᠷᠢ ᠶᠢᠨ | ᠬᠠᠮᠢᠶᠠᠷᠣᠯᠲᠠ ᠶᠢᠨ ᠰᠥᠢᠳᠭᠡᠯ ᠲᠤᠰᠢᠶᠠᠬᠤ ᠥᠭᠡᠢ ᠪᠤᠯ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ | ᠠᠴᠠ ᠵᠠᠷᠯᠢᠭᠳᠠᠨ ᠬᠤᠭᠤᠴᠠᠭ᠎ᠠ ᠬᠢᠵᠠᠭᠠᠷᠯᠠᠨ ᠨᠥᠬᠦᠨ ᠲᠤᠰᠢᠶᠠᠯᠭᠠᠨ᠎ᠠ︔ ᠬᠤᠭᠤᠴᠠᠭ᠎ᠠ ᠨᠢ ᠬᠡᠳᠥᠷᠡᠭᠰᠡᠨ ᠪᠠᠶᠢᠳᠠᠯ᠎ᠠ | ᠲᠣᠰᠢᠶᠠᠬᠤ ᠥᠭᠡᠢ ᠪᠤᠯ 500 ᠲᠥᠭᠦᠷᠢᠭ ᠠᠴᠠ ᠳᠡᠭᠡᠭᠰᠢ 1000 ᠲᠥᠭᠦᠷᠢᠭ ᠠᠴᠠ ᠳᠤᠷᠣᠭᠰᠢ ᠵᠤᠭᠤᠰ ᠢᠶᠠᠷ | ᠲᠤᠷᠭᠠᠨ᠎ᠠ᠃ | ᠭᠤᠴᠢᠨ ᠲᠤᠯᠣᠳᠣᠭᠠᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ᠂ ᠵᠠᠮ ᠲᠡᠭᠡᠭᠡᠪᠥᠷᠢ ᠶᠢᠨ | ᠦᠢᠯᠡᠰ ᠡᠵᠡᠩᠨᠡᠭᠴᠢ ᠲᠤᠭᠳᠠᠭᠠᠯ ᠶᠤᠰᠣᠭᠠᠷ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠥᠨᠡᠮᠯᠡᠯ ᠳᠡᠭᠡᠨ ᠵᠢᠯ ᠤᠨ | ᠬᠢᠨᠠᠨ ᠰᠢᠯᠭᠠᠯᠲᠠ ᠬᠢᠯᠭᠡᠭᠰᠡᠨ ᠥᠭᠡᠢ ᠪᠤᠯ ᠬᠤᠰᠢᠭᠤ ᠰᠢᠶᠠᠨ ᠤ ᠱᠠᠳᠣᠨ ᠠᠴᠠ ᠳᠡᠭᠡᠭᠰᠢᠬᠢ ᠵᠠᠮ ᠲᠡᠭᠡᠭᠡᠪᠥᠷᠢ ᠶᠢᠨ | ᠬᠠᠮᠢᠶᠠᠷᠣᠯᠲᠠ ᠶᠢᠨ ᠪᠠᠶᠢᠭᠤᠯᠣᠮᠵᠢ ᠠᠴᠠ ᠰᠡᠷᠡᠮᠵᠢᠯᠡᠭᠦᠯᠬᠦ ᠪᠥᠭᠡᠳ 1000 ᠲᠥᠭᠦᠷᠢᠭ ᠠᠴᠠ ᠳᠡᠭᠡᠭᠰᠢ 3000 | ᠲᠥᠭᠦᠷᠢᠭ ᠠᠴᠠ ᠳᠤᠷᠣᠭᠰᠢ ᠵᠤᠭᠤᠰ ᠢᠶᠠᠷ ᠲᠤᠷᠭᠠᠨ᠎ᠠ᠃ | ᠭᠤᠴᠢᠨ ᠨᠠᠢᠮᠠᠳᠣᠭᠠᠷ ᠵᠥᠢᠯ ᠲᠣᠰ ᠲᠥᠷᠢᠮ ᠤᠨ ᠲᠤᠭᠳᠠᠭᠠᠯ ᠠᠴᠠ ᠵᠥᠷᠢᠴᠡᠵᠣ᠂ ᠲᠡᠭᠡᠭᠡᠪᠥᠷᠢ ᠶᠢᠨ | ᠡᠵᠡᠩᠨᠡᠯᠲᠡ ᠶᠢᠨ ᠮᠠᠰᠢᠨ ᠲᠡᠷᠭᠡᠨ ᠤ ᠶᠡᠷᠥᠩᠬᠡᠢᠯᠡᠭᠰᠡᠨ ᠴᠢᠳᠠᠪᠬᠢ ᠶᠢ ᠪᠠᠶᠢᠴᠠᠭᠠᠨ ᠰᠢᠯᠭᠠᠬᠤ ᠪᠠᠶᠢᠭᠤᠯᠣᠮᠵᠢ ᠠᠴᠠ | ᠬᠤᠳᠠᠯ ᠬᠠᠭᠤᠷᠮᠠᠭ ᠪᠠᠶᠢᠴᠠᠭᠠᠨ ᠰᠢᠯᠭᠠᠭᠰᠠᠨ ᠥᠷ᠎ᠡ ᠳ᠋ᠥᠩ ᠭᠠᠷᠭᠠᠪᠠᠯ ᠬᠤᠰᠢᠭᠤ ᠰᠢᠶᠠᠨ ᠤ ᠱᠠᠳᠣᠨ ᠠᠴᠠ | ᠳᠡᠭᠡᠭᠰᠢᠬᠢ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠠᠴᠠ ᠵᠠᠷᠯᠢᠭᠳᠠᠨ ᠵᠠᠯᠠᠷᠠᠭᠤᠯᠣᠨ᠎ᠠ︔ ᠬᠠᠥᠯᠢ | ᠪᠤᠰᠣ ᠤᠷᠣᠯᠭ᠎ᠠ ᠲᠠᠢ ᠪᠤᠯ ᠬᠠᠥᠯᠢ ᠪᠤᠰᠣ ᠤᠷᠣᠯᠭ᠎ᠠ ᠶᠢ ᠨᠢ ᠬᠤᠷᠢᠶᠠᠨ ᠠᠪᠴᠣ᠂ ᠬᠠᠥᠯᠢ ᠪᠤᠰᠣ ᠤᠷᠣᠯᠭ᠎ᠠ ᠶᠢᠨ | ᠬᠢᠨᠢ 2 ᠳᠠᠬᠢᠨ ᠠᠴᠠ ᠳᠡᠭᠡᠭᠰᠢ 5 ᠳᠠᠬᠢᠨ ᠠᠴᠠ ᠲᠤᠷᠣᠭᠰᠢ ᠵᠤᠭᠤᠰ ᠢᠶᠠᠷ ᠲᠤᠷᠭᠠᠨ᠎ᠠ︔ ᠬᠠᠥᠯᠢ ᠪᠤᠰᠣ | ᠤᠷᠣᠯᠭ᠎ᠠ ᠨᠢ 5000 ᠲᠥᠭᠦᠷᠢᠭ ᠬᠥᠷᠬᠦ ᠥᠭᠡᠢ ᠪᠤᠶᠣ ᠬᠠᠥᠯᠢ ᠪᠤᠰᠣ ᠤᠷᠣᠯᠭ᠎ᠠ ᠥᠭᠡᠢ ᠪᠤᠯ 5000 | ᠲᠥᠭᠦᠷᠢᠭ ᠠᠴᠠ ᠳᠡᠭᠡᠭᠰᠢ 2 ᠲᠥᠮᠡᠨ ᠲᠥᠭᠦᠷᠢᠭ ᠠᠴᠠ ᠲᠤᠷᠣᠭᠰᠢ ᠵᠤᠭᠤᠰ ᠢᠶᠠᠷ ᠲᠤᠷᠭᠠᠨ᠎ᠠ︔ ᠶᠠᠯ᠎ᠠ ᠳᠤ | ᠬᠥᠷᠥᠭᠰᠠᠨ ᠪᠠᠶᠢᠪᠠᠯ ᠬᠠᠥᠯᠢ ᠶᠤᠰᠣᠭᠠᠷ ᠡᠷᠡᠭᠦᠥ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠭᠤᠴᠢ ᠶᠢᠰᠥᠳᠥᠭᠡᠷ ᠵᠥᠢᠯ ᠵᠠᠮ ᠬᠠᠷᠢᠯᠴᠠᠭᠠᠨ ᠤ ᠵᠠᠰᠠᠭ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ᠂ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠪᠠᠶᠢᠭᠤᠯᠣᠮᠵᠢ ᠪᠠ ᠪᠤᠰᠣᠳ ᠬᠤᠯᠪᠣᠭᠳᠠᠯ ᠪᠥᠬᠦᠢ ᠰᠠᠯᠠᠭ᠎ᠠ | ᠮᠥᠴᠢᠷ ᠵᠢᠴᠢ ᠠᠵᠢᠯᠲᠠᠨ ᠲᠤᠤᠷᠠᠬᠢ ᠠᠵᠢᠯᠯᠠᠭ᠎ᠠ ᠲᠠᠢ ᠪᠤᠯ ᠬᠠᠷᠢᠭᠤᠴᠠᠯᠭ᠎ᠠ ᠲᠠᠢ ᠬᠥᠮᠥᠨ ᠳᠤ ᠬᠠᠥᠯᠢ ᠶᠤᠰᠣᠭᠠᠷ | ᠵᠠᠰᠠᠭ ᠵᠠᠬᠢᠷᠭᠠᠨ ᠤ ᠰᠢᠳᠭᠡᠯ ᠥᠭᠭᠦᠨ᠎ᠡ︔ ᠶᠠᠯ᠎ᠠ ᠳᠤ ᠬᠥᠷᠥᠭᠰᠡᠨ ᠪᠠᠶᠢᠪᠠᠯ ᠬᠠᠥᠯᠢ ᠶᠤᠰᠣᠭᠠᠷ ᠡᠷᠡᠭᠦᠥ ᠶᠢᠨ | ᠬᠠᠷᠢᠭᠤᠴᠠᠯᠭ᠎ᠠ ᠨᠡᠬᠡᠮᠵᠢᠯᠡᠨ᠎ᠠ᠃ | ︵ᠨᠢᠭᠡ︶ ᠲᠤᠭᠲᠠᠭᠠᠯ ᠠᠴᠠ ᠵᠥᠷᠢᠴᠡᠵᠣ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠥᠨᠡᠮᠯᠡᠯ ᠳᠠᠷᠬᠠᠭᠠᠭᠰᠠᠨ | ︔ | ︵ᠬᠤᠶᠠᠷ︶ ᠲᠣᠰ ᠲᠥᠷᠢᠮ ᠤᠨ ᠲᠤᠭᠳᠠᠭᠠᠯ ᠠᠴᠠ ᠵᠥᠷᠢᠴᠡᠨ ᠮᠠᠰᠢᠨ ᠲᠡᠷᠭᠡ ᠶᠢ ᠲᠥᠷ ᠰᠠᠭᠠᠳᠠᠭᠠᠭᠰᠠᠨ︔ | ︵ᠭᠤᠷᠪᠠ︶ ᠵᠠᠮ ᠲᠡᠭᠡᠭᠡᠪᠥᠷᠢ ᠶᠢᠨ ᠡᠵᠡᠩᠨᠡᠯᠲᠡ᠂ ᠵᠠᠮ ᠲᠡᠭᠡᠭᠡᠪᠥᠷᠢ ᠶᠢᠨ ᠡᠵᠡᠩᠨᠡᠯᠲᠡ ᠶᠢᠨ ᠬᠠᠮᠢᠶ᠎ᠠ ᠪᠥᠬᠦᠢ | ᠲᠣᠬᠠᠢᠢᠯᠠᠭᠰᠠᠨ ᠠᠵᠢᠯ ᠬᠢᠬᠦ ᠪᠤᠶᠣ ᠥᠭᠡᠷ᠎ᠡ ᠬᠡᠯᠪᠡᠷᠢ ᠪᠠᠷ ᠤᠷᠣᠯᠴᠠᠬᠤ︔ | ︵ᠲᠥᠷᠪᠡ︶ ᠬᠠᠥᠯᠢ ᠠᠴᠠ ᠵᠥᠷᠢᠴᠡᠭᠰᠡᠨ ᠠᠵᠢᠯᠯᠠᠭ᠎ᠠ ᠶᠢ ᠢᠯᠡᠷᠡᠭᠦᠯᠥᠭᠡᠳ ᠬᠠᠥᠯᠢ ᠶᠤᠰᠣᠭᠠᠷ ᠪᠠᠶᠢᠴᠠᠭᠠᠨ | ᠰᠢᠢᠳᠪᠦᠷᠢᠯᠡᠬᠦ ᠥᠭᠡᠢ︔ | ︵ᠲᠠᠪᠤ︶ ᠲᠤᠭᠳᠠᠭᠰᠠᠨ ᠬᠤᠭᠤᠴᠠᠭᠠᠨ ᠲᠤᠳᠤᠷ᠎ᠠ ᠵᠠᠭᠠᠯᠳᠤᠯᠭ᠎ᠠ ᠶᠢ ᠪᠠᠶᠢᠴᠠᠭᠠᠨ ᠰᠢᠢᠳᠪᠥᠷᠢᠯᠡᠭᠰᠠᠠ ᠦᠭᠡᠢ᠂ | ᠬᠠᠷᠢᠭᠤᠯᠳᠠ ᠥᠭᠭᠦᠭᠰᠡᠨ ᠥᠭᠡᠢ︔ | ︵ᠵᠢᠷᠭᠤᠭ᠎ᠠ︶ ᠲᠣᠬᠠᠢ ᠶᠢᠨ ᠬᠥᠮᠥᠨ ᠢ ᠭᠠᠴᠢᠭᠳᠠᠭᠤᠯᠵᠣ᠂ ᠲᠣᠷ᠎ᠠ ᠪᠠᠷ ᠰᠥᠢᠳᠭᠡᠯ ᠬᠤᠷᠢᠶᠠᠬᠤ ᠪᠤᠶᠣ | ᠬᠡᠬᠡᠯᠢ ᠬᠠᠭ᠋ᠣᠣᠯᠢ ᠢᠳᠡᠭᠰᠡᠨ︔ | ︵ᠲᠤᠯᠤᠭ᠎ᠠ︶ ᠪᠤᠰᠣᠳ ᠬᠠᠥᠯᠢ ᠠᠴᠠ ᠵᠥᠷᠢᠴᠡᠭᠰᠡᠨ ᠠᠵᠢᠯᠯᠠᠭ᠎ᠠ᠃ | ᠲᠤᠯᠣᠳᠣᠭᠠᠷ ᠪᠥᠯᠥᠭ ᠳᠠᠭᠠᠯᠳᠣᠭᠤᠯᠣᠯ ᠲᠥᠷᠢᠮ | ᠲᠥᠴᠢᠳᠥᠭᠡᠷ ᠵᠥᠢᠯ ᠲᠣᠰ ᠲᠥᠷᠢᠮ ᠳᠤ ᠬᠡᠯᠡᠵᠣ ᠪᠠᠶᠢᠭ᠎ᠠ ᠲᠡᠭᠡᠭᠡᠪᠥᠷᠢ ᠶᠢᠨ ᠡᠵᠡᠩᠨᠡᠯᠲᠡ ᠶᠢᠨ ᠮᠠᠰᠢᠨ | ᠲᠡᠷᠭᠡᠨ ᠤ ᠶᠡᠷᠥᠩᠬᠡᠶᠢᠯᠡᠭᠰᠡᠨ ᠴᠢᠳᠠᠪᠬᠢ ᠶᠢ ᠪᠠᠶᠢᠴᠠᠭᠠᠨ ᠰᠢᠯᠭᠠᠬᠤ ᠭᠡᠳᠡᠭ ᠨᠢ ᠣᠯᠣᠰ ᠤᠨ ᠳᠤᠭᠳᠠᠭᠠᠭᠰᠠᠨ ᠲᠡᠰ | ᠳᠠᠷᠠᠭᠠᠯᠠᠯ ᠪᠠ ᠠᠷᠭ᠎ᠠ ᠬᠡᠯᠪᠡᠷᠢ ᠶᠢ ᠥᠨᠳᠥᠰᠥᠯᠡᠨ᠂ ᠰᠢᠰᠲ᠋ᠧᠮᠴᠢᠯᠡᠭᠰᠡᠨ ᠮᠡᠷᠭᠡᠵᠢᠯ ᠤᠨ ᠠᠵᠢᠯᠯᠠᠭ᠎ᠠ ᠪᠠᠷ ᠳᠠᠮᠵᠢᠵᠣ᠂ | ᠵᠠᠮ ᠲᠡᠭᠡᠭᠡᠪᠥᠷᠢ ᠶᠢᠨ ᠡᠵᠡᠩᠨᠡᠯᠲᠡ ᠳᠤ ᠬᠡᠷᠡᠭᠯᠡᠵᠣ ᠪᠠᠶᠢᠭ᠎ᠠ ᠮᠠᠰᠢᠨ ᠲᠡᠷᠭᠡᠨ ᠤ ᠮᠡᠷᠭᠡᠵᠢᠯ ᠤᠨ ᠪᠠᠶᠢᠳᠠᠯ ᠢ ᠪᠠᠶᠢᠴᠠᠭᠠᠨ | ᠰᠢᠯᠭᠠᠵᠣ ︵ᠬᠢᠨᠠᠯᠲᠠ ᠳᠠᠯᠪᠢᠨ︶ ᠥᠨᠡᠯᠡᠬᠦ ᠪᠥᠭᠡᠳ ᠪᠠᠶᠢᠴᠠᠭᠠᠨ ᠰᠢᠯᠭᠠᠭᠰᠠᠨ ᠲᠤᠭ᠎ᠠ ᠪᠠᠷᠢᠮᠲᠠ ᠪᠠ ᠥᠨᠡᠯᠡᠯᠲᠡ | ᠳ᠋ᠥᠩᠨᠡᠯᠲᠡ ᠬᠠᠩᠭᠠᠬᠤ ᠨᠡᠶᠢᠭᠡᠮᠴᠢᠯᠡᠭᠰᠡᠨ ᠥᠢᠯᠡᠴᠢᠯᠡᠭᠡ ᠶᠢ ᠵᠢᠭᠠᠵᠣ ᠪᠤᠢ᠃ | ᠲᠣᠰ ᠲᠥᠷᠢᠮ ᠳᠤ ᠬᠡᠯᠡᠵᠣ ᠪᠠᠶᠢᠭ᠎ᠠ ᠵᠥᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠭᠡᠳᠡᠭ ᠪᠤᠯ ᠲᠡᠷᠭᠡᠨ ᠥᠷᠲᠡᠭᠡ᠂ | ᠭᠠᠷᠠᠮ᠂ ᠪᠠᠷᠠᠭᠠᠨ ᠤ ᠲᠠᠯᠠᠪᠣᠷ ᠪᠠ ᠥᠢᠯᠡᠳᠪᠥᠷᠢ ᠠᠭᠤᠷᠬᠠᠢ ᠵᠡᠷᠭᠡ ᠪᠠᠷᠠᠭ᠎ᠠ ᠶᠢ ᠲᠥᠪᠯᠡᠷᠡᠭᠦᠯᠥᠨ ᠲᠠᠷᠬᠠᠭᠠᠬᠤ | ᠭᠠᠵᠠᠷ ᠲᠤ ᠲᠡᠭᠡᠭᠡᠪᠥᠷᠢ ᠶᠢᠨ ᠮᠠᠰᠢᠨ ᠲᠡᠷᠭᠡᠨ ᠳᠤ ᠪᠠᠷᠠᠭ᠎ᠠ ᠲᠡᠭᠡᠭᠡᠪᠥᠷᠢᠯᠡᠵᠣ ᠠᠴᠢᠶᠠᠯᠠᠵᠣ ᠪᠠᠭᠤᠯᠭᠠᠬᠤ ᠶᠢ ᠵᠢᠭᠠᠵᠣ | ᠪᠤᠢ᠃ | ᠲᠥᠴᠢᠨ ᠨᠢᠭᠡᠳᠥᠭᠡᠷ ᠵᠥᠢᠯ ᠲᠥᠷᠢᠶᠡᠰᠥᠨ ᠮᠠᠰᠢᠨ ᠲᠡᠷᠭᠡᠨ ᠤ ᠠᠶᠠᠨᠴᠢᠳ ᠤᠨ ᠵᠦᠭᠡᠭᠡᠪᠥᠷᠢ᠂ ᠬᠤᠲᠠ ᠶᠢᠨ | ᠨᠡᠶᠢᠲᠡ ᠶᠢᠨ ᠮᠠᠰᠢᠨ ᠲᠡᠷᠭᠡᠨ ᠤ ᠠᠶᠠᠨᠴᠢᠳ ᠤᠨ ᠵᠦᠭᠡᠭᠡᠪᠥᠷᠢ ᠶᠢᠨ ᠬᠠᠮᠢᠶᠠᠷᠣᠯᠲᠠ ᠶᠢ ᠣᠯᠣᠰ ᠪᠠ ᠥᠪᠡᠷᠲᠡᠭᠡᠨ | ᠵᠠᠰᠠᠬᠤ ᠤᠷᠣᠨ ᠤ ᠬᠤᠯᠪᠣᠭᠳᠠᠯ ᠪᠥᠬᠦᠢ ᠲᠤᠭᠳᠠᠭᠠᠯ ᠶᠤᠰᠣᠭᠠᠷ ᠬᠡᠷᠡᠭᠵᠢᠭᠦᠯᠥᠨ᠎ᠠ᠃ | ᠲᠥᠴᠢᠨ ᠬᠤᠶᠠᠳᠣᠭᠠᠷ ᠵᠥᠢᠯ ᠲᠣᠰ ᠲᠥᠷᠢᠮ ᠢ 2008 ᠤᠨ ᠤ 2 ᠰᠠᠷ᠎ᠠ ᠶᠢᠨ 1 ᠤ ᠡᠳᠥᠷ ᠠᠴᠠ | ᠡᠬᠢᠯᠡᠨ ᠬᠡᠷᠡᠭᠵᠢᠭᠦᠯᠥᠨ᠎ᠡ᠃ 1998 ᠤᠨ ᠤ 9 ᠰᠠᠷ᠎ᠠ ᠶᠢᠨ 28 ᠤ ᠡᠳᠥᠷ ᠤᠨ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠤᠷᠣᠨ ᠤ ᠶᠢᠰᠥᠳᠥᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠣᠳᠣᠭᠠᠷ ᠬᠤᠷᠠᠯ ᠠᠴᠠ ᠪᠠᠲᠣᠯᠠᠭᠰᠠᠨ ︽ᠥᠪᠥᠷ ᠮᠣᠩᠭᠤᠯ ᠤᠨ | ᠥᠪᠡᠷᠳᠡᠭᠡᠨ ᠵᠠᠰᠠᠬᠤ ᠤᠷᠣᠨ ᠤ ᠵᠠᠮ ᠲᠡᠭᠡᠭᠡᠪᠥᠷᠢ ᠶᠢᠨ ᠬᠠᠮᠢᠶᠠᠷᠣᠯᠲᠠ ᠶᠢᠨ ᠲᠥᠷᠢᠮ︾ ᠢ ᠬᠠᠮᠲᠣ ᠳᠤᠨᠢ ᠬᠥᠴᠥᠨ | ᠥᠭᠡᠢ ᠪᠤᠯᠭᠠᠨ᠎ᠠ᠃ | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |