ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠲᠦᠷᠢᠮ
ᠨᠡᠶᠢᠲᠡᠯᠡᠭᠰᠡᠨ ᠴᠠᠭ᠄
2020-06-17
︵2007 ᠤᠨ ᠤ 11 ᠰᠠᠷ᠎ᠠ ᠶᠢᠨ 30᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠠᠴᠠ ᠪᠠᠳᠤᠯᠠᠪᠠ︶            ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ  ᠎ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠡᠷ              ᠲᠠᠪᠢᠨ ᠭᠤᠷᠪᠠᠳᠤᠭᠠᠷ ᠳᠣᠭᠠᠳᠣ    2007 ᠤᠨ ᠤ 11 ᠰᠠᠷ᠎ᠠ ᠶᠢᠨ 30᠎ ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠡᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠭᠤᠴᠢᠨ ᠨᠢᠭᠡᠳᠦᠭᠡᠷ ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠲᠦᠷᠢᠮ︾᠎ ᠢ ᠪᠠᠳᠤᠯᠠᠪᠠ᠂ ᠤᠳᠤ ᠨᠡᠶᠢᠳᠡᠯᠡᠶ᠎ᠠ᠂ 2008 ᠤᠨ ᠤ 2 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠳᠦᠬᠡᠢ᠃ 2000 ᠤᠨ ᠤ 12 ᠰᠠᠷ᠎ᠠ ᠶᠢᠨ 12᠎ ᠤᠨ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠳᠤᠭᠠᠷ ᠬᠤᠷᠠᠯ ᠠᠴᠠ ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠲᠦᠷᠢᠮ ︾᠎ ᠢ ᠬᠠᠮᠳᠤ ᠳᠤᠨᠢ ᠬᠦᠴᠦᠨ ᠦᠬᠡᠢ ᠪᠤᠯᠭᠠᠨ᠎ᠠ᠃                                                 2007 ᠤᠨ ᠤ 11 ᠰᠠᠷ᠎ᠠ ᠶᠢᠨ 30᠎ ᠤ ᠡᠳᠦᠷ              ᠨᠢᠬᠡᠳᠦᠭᠡᠷ ᠪᠦᠯᠦᠭ ᠶᠡᠷᠦᠩᠬᠡᠢ ᠲᠦᠷᠢᠮ     ᠨᠢᠬᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠡᠮᠬᠢ ᠵᠢᠷᠣᠮ ᠢ ᠵᠢᠷᠤᠮᠵᠢᠭᠤᠯᠵᠥ᠂ ᠴᠢᠳᠠᠪᠤᠷᠢᠳᠠᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠴᠢᠳᠠᠪᠤᠷᠢᠳᠠᠨ᠂ ᠬᠦᠮᠦᠨ ᠬᠡᠷᠡᠭᠯᠡᠬᠦ ᠨᠢᠭᠡᠴᠡ᠂ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠤᠰᠤᠨ ᠤ ᠡᠷᠬᠡ ᠠᠰᠢᠭ ᠢ ᠪᠠᠳᠤᠯᠠᠬᠤ ᠶᠢᠨ ᠲᠦᠯᠦᠬᠡ᠂ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ ᠲᠤᠰ ᠲᠦᠷᠢᠮ ᠢ ᠲᠤᠭᠳᠠᠭᠠᠪᠠ᠃     ᠬᠤᠶᠠᠳᠤᠭᠠᠷ ᠵᠦᠢᠯ ᠲᠤᠰ ᠲᠦᠷᠢᠮ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷᠠᠬᠢ ᠴᠢᠳᠠᠪᠤᠷᠢᠳᠠᠨ ᠠᠵᠢᠯ ᠰᠤᠩᠭᠤᠵᠤ ᠤᠷᠢᠭᠳᠠᠬᠤ᠂ ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ᠂ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠵᠠᠭᠤᠴᠢᠯᠠᠨ ᠤᠢᠢᠯᠡᠴᠢᠯᠡᠬᠦ ᠵᠢᠴᠢ ᠬᠠᠮᠢᠶ᠎ᠠ ᠪᠦᠬᠦᠢ ᠬᠠᠮᠢᠶᠠᠷᠤᠯᠳᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃     ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠪᠠᠶᠢᠭᠤᠯᠤᠯᠳᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ ᠬᠦᠭᠵᠢᠯᠳᠡ ᠶᠢᠨ ᠲᠦᠯᠦᠪᠯᠡᠭᠡ ᠳᠡᠭᠡᠨ ᠤᠷᠤᠭᠤᠯᠵᠤ᠂ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ ᠮᠦᠴᠢᠷ ᠬᠦᠮᠦᠨ ᠤ ᠬᠦᠴᠦᠨ᠂ ᠪᠤᠳᠠᠰ ᠤᠨ ᠬᠦᠴᠦᠨ᠂ ᠡᠳ᠋ ᠮᠦᠩᠬᠦ ᠵᠡᠷᠭᠡ ᠲᠡᠯ᠎ᠠ ᠪᠠᠷ ᠲᠡᠮᠵᠢᠨ ᠲᠤᠰᠠᠯᠠᠵᠤ᠂ ᠪᠤᠰᠤᠳ ᠤᠢᠢᠯᠡᠳᠪᠦᠷᠢᠯᠡᠯ ᠤᠨ ᠬᠦᠴᠦᠨ ᠤ ᠬᠦᠴᠦᠨ ᠵᠦᠢᠯ ᠤᠨ ᠵᠠᠬ᠎ᠠ ᠲᠡᠯᠬᠡᠭᠦᠷ ᠲᠠᠢ ᠵᠣᠬᠢᠴᠠᠬᠤ ᠶᠢ ᠪᠡᠶᠡᠯᠡᠬᠦᠯᠵᠦ᠂ ᠵᠠᠬ᠎ᠠ ᠲᠡᠯᠭᠡᠭᠦᠷ ᠤᠨ ᠴᠢᠳᠠᠪᠤᠷᠢᠳᠠᠨ ᠤ ᠡᠬᠢ ᠪᠠᠶᠠᠯᠢᠭ ᠢ ᠲᠤᠬᠢᠷᠠᠭᠤᠯᠬᠤ ᠳᠣᠮᠳᠠᠬᠢ ᠰᠠᠭᠤᠷᠢ ᠤᠢᠢᠯᠡᠳᠦᠯ ᠢ ᠪᠠᠳᠠᠷᠠᠭᠤᠯᠵᠤ᠂ ᠴᠢᠳᠠᠪᠤᠷᠢᠳᠠᠨ ᠤ ᠵᠤᠬᠢᠰᠳᠠᠢ ᠪᠠᠷ ᠰᠢᠯᠵᠢᠬᠦ ᠶᠢ ᠠᠬᠢᠭᠤᠯᠬᠤ ᠬᠡᠷᠡᠭᠳᠡᠢ᠃     ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠠ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠡᠬᠢ ᠴᠢᠳᠠᠪᠤᠷᠢᠳᠠᠨ ᠤ ᠵᠠᠬ᠎ᠠ ᠲᠡᠯᠭᠡᠭᠦᠷ ᠲᠤ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠨ᠎ᠠ᠃ ᠬᠦᠭᠵᠢᠬᠦᠯᠦᠯᠳᠠ ᠦᠭᠡᠷᠠᠴᠢᠯᠡᠯᠳᠡ᠂ ᠬᠦᠳᠡᠯᠮᠦᠷᠢ ᠪᠡ ᠨᠡᠶᠢᠭᠡᠮ ᠤᠨ ᠪᠠᠳᠤᠯᠠᠪᠤᠷᠢ᠂ ᠰᠤᠷᠭᠠᠨ ᠬᠦᠮᠦᠵᠢᠯ᠂ ᠤᠢᠢᠯᠡᠳᠪᠦᠷᠢ ᠬᠤᠳᠠᠯᠳᠤᠭ᠎ᠠ᠂ ᠡᠳ᠋ ᠤᠨ ᠵᠠᠰᠠᠭ᠂ ᠦᠨ᠎ᠠ ᠬᠠᠩᠰᠢ᠂ ᠠᠷᠠᠳ ᠤᠨ ᠶᠠᠪᠤᠳᠠᠯ᠂ ᠲᠤᠳᠤᠭᠠᠳᠤ ᠶᠢ ᠬᠠᠮᠠᠭᠠᠯᠠᠬᠤ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ ᠴᠢᠳᠠᠪᠤᠷᠢᠳᠠᠨ ᠤ ᠵᠠᠬ᠎ᠠ ᠲᠡᠯᠬᠡᠬᠦᠷ ᠢ ᠬᠢᠨᠠᠨ ᠬᠠᠮᠢᠶᠠᠷᠬᠤ ᠪᠡ ᠲᠡᠮᠵᠢᠨ ᠬᠦᠳᠦᠯᠦᠨ ᠵᠢᠯᠣᠭᠤᠳᠬᠤ ᠠᠵᠢᠯ ᠢ ᠰᠠᠶᠢᠳᠤᠷ ᠬᠢᠬᠦ ᠬᠡᠷᠡᠭᠳᠡᠢ᠃     ᠲᠠᠪᠤᠳᠤᠭᠠᠷ ᠵᠦᠢᠯ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠠᠵᠢᠯᠯᠠᠭ᠎ᠠ ᠡᠷᠭᠡᠪᠰᠢ ᠢᠯᠡ᠂ ᠡᠷᠬᠡ ᠲᠡᠭᠰᠢ᠂ ᠰᠠᠶᠢᠨ ᠲᠤᠷ᠎ᠠ ᠶᠢᠨ᠂ ᠢᠳᠡᠭᠡᠯ ᠲᠠᠢ ᠪᠠᠶᠢᠬᠤ ᠵᠠᠷᠴᠢᠮ ᠢ ᠪᠠᠷᠢᠮᠳᠠᠯᠠᠵᠤ᠂ ᠴᠢᠳᠠᠪᠤᠷᠢᠳᠠᠨ ᠡᠷᠬᠡ ᠮᠡᠳᠡᠨ ᠠᠵᠢᠯ ᠰᠤᠩᠭᠤᠵᠦ᠂ ᠨᠢᠬᠡᠴᠡ ᠡᠷᠬᠡ ᠮᠡᠳᠡᠨ ᠬᠦᠮᠦᠨ ᠬᠡᠷᠡᠭᠯᠡᠬᠦ ᠶᠢ ᠬᠡᠷᠡᠭᠵᠢᠬᠦᠯᠦᠨ᠎ᠠ᠃          ᠬᠤᠶᠠᠳᠤᠭᠠᠷ ᠪᠦᠯᠦᠭ ᠴᠢᠳᠠᠪᠤᠷᠢᠳᠠᠨ ᠠᠵᠢᠯ ᠰᠤᠩᠭᠤᠬᠤ     ᠵᠢᠷᠭᠤᠳᠤᠭᠠᠷ ᠵᠦᠢᠯ ᠴᠢᠳᠠᠪᠤᠷᠢᠳᠠᠨ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠷ ᠲᠠᠮᠵᠢᠬᠤ ᠪᠤᠶᠤ ᠰᠢᠭᠤᠳ ᠬᠦᠮᠦᠨ ᠬᠡᠷᠡᠭᠯᠡᠬᠦ ᠨᠢᠬᠡᠴᠡ ᠲᠠᠢ ᠬᠠᠷᠢᠯᠴᠡᠬᠤ ᠵᠡᠷᠭᠡ ᠬᠠᠤᠯᠢ ᠳᠤ ᠨᠡᠶᠢᠴᠡᠬᠦ ᠠᠷᠭ᠎ᠠ ᠬᠡᠯᠪᠡᠷᠢ ᠪᠠᠷ ᠡᠷᠬᠡ ᠮᠡᠳᠡᠨ ᠠᠵᠢᠯ ᠰᠤᠩᠭᠤᠵᠤ ᠪᠤᠯᠤᠨ᠎ᠠ᠃ ᠠᠵᠢᠯ ᠰᠤᠩᠭᠤᠭᠰᠠᠨ ᠴᠢᠳᠠᠪᠤᠷᠢᠳᠠᠨ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠤᠶᠤ ᠬᠦᠮᠦᠨ ᠬᠡᠷᠡᠭᠯᠡᠬᠦ ᠨᠢᠬᠡᠴᠡ ᠳᠤ ᠦᠪᠡᠷ ᠤᠨ ᠨᠠᠮᠳᠠᠷ ᠪᠤᠶᠤ ᠪᠡᠶ᠎ᠠ ᠎ ᠶᠢᠨ ᠭᠠᠷᠣᠯ᠂ ᠰᠤᠷᠤᠯᠭ᠎ᠠ ᠶᠢᠨ ᠨᠠᠮᠳᠠᠷ᠂ ᠲᠤᠰᠬᠠᠢ ᠮᠡᠷᠭᠡᠵᠢᠯ ᠤᠨ ᠬᠢᠷᠢ ᠬᠡᠮ ᠵᠡᠷᠭᠡ ᠦᠨᠡᠨ ᠪᠤᠳᠠᠳᠠᠢ ᠬᠦᠴᠦᠨ ᠪᠦᠬᠦᠢ ᠬᠡᠷᠡᠴᠢ ᠮᠠᠲ᠋ᠧᠷᠢᠶᠠᠯ ᠢᠶᠠᠨ ᠬᠠᠩᠭᠠᠬᠤ ᠭᠡᠷᠡᠭᠳᠡᠢ᠃     ᠲᠤᠯᠤᠳᠤᠭᠠᠷ ᠵᠦᠢᠯ  ᠴᠢᠳᠠᠪᠤᠷᠢᠳᠠᠨ ᠤᠷᠢᠳᠴᠢᠯᠠᠨ ᠭᠡᠷ᠎ᠠ ᠪᠠᠨ ᠬᠦᠴᠦᠨ ᠦᠬᠡᠢ ᠪᠤᠯᠭᠠᠬᠤ ᠪᠤᠶᠤ ᠲᠤᠰᠢᠶᠠᠯ ᠎ ᠠᠴᠠ ᠪᠠᠨ ᠪᠠᠭᠤᠬᠤ ᠴᠢᠬᠤᠯᠠ ᠲᠠᠢ ᠪᠤᠯ᠂ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠳᠠᠬᠢ ᠲᠤᠭᠳᠠᠭᠠᠯ ᠪᠤᠶᠤ ᠭᠡᠷ᠎ᠠ ᠶᠢᠨ ᠪᠤᠯᠵᠤᠯ ᠢ ᠵᠢᠷᠤᠮᠯᠠᠬᠤ ᠬᠡᠷᠡᠭᠳᠡᠢ᠃ ᠲᠤᠷ᠎ᠠ ᠪᠠᠷ ᠢᠶᠠᠨ ᠲᠤᠰᠢᠶᠠᠯ ᠠᠴᠠ ᠪᠠᠨ ᠰᠠᠯᠵᠤ ᠪᠤᠯᠬᠤ ᠦᠬᠡᠢ᠂ ᠤᠯᠤᠰ ᠤᠨ ᠨᠢᠭᠤᠴᠠ ᠪᠡ ᠤᠭ ᠨᠢᠭᠡᠴᠡ ᠶᠢᠨ ᠠᠷᠠᠯᠵᠢᠶ᠎ᠠ ᠬᠤᠳᠠᠯᠳᠤᠭᠠᠨ ᠤ ᠨᠢᠭᠤᠴᠠ ᠶᠢ ᠵᠠᠳᠠᠷᠠᠭᠤᠯᠵᠤ ᠪᠤᠯᠬᠤ ᠦᠬᠡᠢ᠂ ᠤᠭ ᠨᠢᠬᠡᠴᠡ ᠶᠢᠨ ᠮᠡᠳᠡᠯᠬᠡ ᠶᠢᠨ ᠦᠮᠴᠢᠯᠡᠯ ᠤᠨ ᠡᠷᠬᠡ ᠳᠤ ᠬᠠᠯᠳᠠᠵᠤ ᠪᠤᠯᠬᠤ ᠦᠬᠡᠢ᠃     ᠨᠠᠢᠮᠠᠳᠤᠭᠠᠷ ᠵᠦᠢᠯ  ᠴᠢᠳᠠᠪᠤᠷᠢᠳᠠᠨ ᠠᠵᠢᠯ ᠤᠨ ᠴᠢᠯᠦᠬᠡ ᠪᠠᠷ ᠢᠶᠠᠨ ᠲᠤᠰᠢᠶᠠᠯ ᠬᠠᠪᠰᠤᠷᠭᠠᠬᠤ ᠨᠢ ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠬᠦ ᠬᠡᠷᠡᠭᠳᠡᠢ᠂ ᠲᠤᠰᠢᠶᠠᠯ ᠬᠠᠪᠰᠤᠷᠭᠠᠬᠤ ᠬᠤᠭᠤᠴᠠᠭᠠᠨ ᠳᠤ ᠪᠠᠶᠢᠭ᠎ᠠ ᠨᠢᠬᠡᠴᠡ ᠪᠡ ᠲᠤᠰᠢᠶᠠᠯ ᠬᠠᠪᠰᠤᠷᠭᠠᠭᠰᠠᠨ ᠨᠢᠭᠡᠴᠡ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠬᠡᠢ᠃     ᠶᠢᠰᠦᠳᠦᠭᠡᠷ ᠵᠦᠢᠯ  ᠬᠦᠮᠦᠨ ᠬᠡᠷᠡᠭᠯᠡᠬᠦ ᠨᠢᠬᠡᠴᠡ ᠠᠴᠠ ᠪᠡᠯᠡ ᠭᠠᠷᠭᠠᠨ ᠪᠤᠯᠪᠠᠰᠤᠷᠠᠭᠤᠯᠵᠤ᠂ ᠪᠡᠯᠡ ᠭᠠᠷᠭᠠᠨ ᠤᠷᠢᠨ ᠠᠪᠴᠢᠷᠠᠭᠰᠠᠨ ᠴᠢᠳᠠᠪᠤᠷᠢᠳᠠᠨ᠂ ᠬᠡᠷᠪᠡ ᠬᠦᠮᠦᠨ ᠬᠡᠷᠡᠭᠯᠡᠭᠰᠡᠨ ᠨᠢᠭᠡᠴᠡ ᠲᠠᠢ ᠤᠷᠢᠳᠴᠢᠯᠠᠨ ᠭᠡᠷ᠎ᠠ ᠪᠠᠨ ᠬᠦᠴᠦᠨ ᠦᠬᠡᠢ ᠪᠤᠯᠭᠠᠬᠤ ᠬᠡᠪᠡᠯ᠂ ᠬᠤᠪᠢ ᠬᠦᠮᠦᠨ ᠪᠠ ᠬᠦᠮᠦᠨ ᠬᠡᠷᠡᠭᠯᠡᠬᠦ ᠨᠢᠬᠡᠴᠡ ᠪᠤᠯᠵᠤᠨ ᠲᠤᠭᠳᠠᠭᠰᠠᠨ ᠪᠤᠯ᠂ ᠪᠤᠯᠵᠤᠯ ᠶᠤᠰᠤᠭᠠᠷ ᠢᠶᠠᠨ ᠬᠡᠷᠡᠭᠵᠢᠬᠦᠯᠬᠦ ᠬᠡᠷᠡᠭᠳᠡᠢ᠃ ᠪᠤᠯᠵᠤᠨ ᠲᠤᠭᠳᠠᠭᠰᠠᠨ ᠦᠬᠡᠢ ᠪᠤᠯ᠂ ᠬᠦᠮᠦᠨ ᠬᠡᠷᠡᠭᠯᠡᠬᠦ ᠨᠢᠬᠡᠴᠡ ᠪᠤᠯᠪᠠᠰᠤᠷᠠᠯ ᠤᠨ ᠲᠠᠷᠠᠭ᠎ᠠ ᠪᠤᠶᠤ ᠠᠪᠴᠢᠷᠠᠭᠰᠠᠨ ᠤ ᠳᠠᠷᠠᠭᠠᠬᠢ ᠤᠢᠢᠯᠡᠴᠢᠯᠡᠭᠰᠡᠨ ᠬᠤᠭᠤᠴᠠᠭ᠎ᠠ ᠪᠠᠷ ᠵᠢᠯ ᠲᠠᠷᠠᠭᠠᠯᠠᠨ ᠠᠬᠢᠨ ᠬᠠᠰᠤᠭᠳᠠᠬᠤ ᠪᠤᠯᠪᠠᠰᠤᠷᠠᠯ ᠤᠨ ᠰᠦᠢᠳᠬᠡᠯ ᠪᠤᠶᠤ ᠠᠪᠴᠢᠷᠠᠭᠰᠠᠨ ᠰᠦᠢᠳᠬᠡᠯ ᠤᠨ 20%᠎ ᠤᠨ ᠬᠠᠷᠢᠴᠡᠯ ᠢᠶᠠᠷ ᠨᠦᠬᠦᠪᠦᠷᠢ ᠶᠢᠨ ᠮᠦᠩᠬᠦ ᠬᠤᠷᠢᠶᠠᠨ ᠠᠪᠴᠤ ᠪᠤᠯᠤᠨ᠎ᠠ᠃ ᠠᠷᠪᠠᠳᠤᠭᠠᠷ ᠵᠦᠢᠯ ᠲᠤᠤᠷᠠᠬᠢ ᠴᠢᠳᠠᠪᠤᠷᠢᠳᠠᠨ ᠤ ᠰᠢᠯᠵᠢᠯᠳᠡ ᠶᠢ ᠬᠠᠮᠢᠶᠠᠷᠤᠯᠳᠠ ᠶᠢᠨ ᠡᠷᠬᠡ ᠶᠢᠨ ᠬᠢᠵᠡᠭᠠᠷ ᠶᠤᠰᠤᠭᠠᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ ᠵᠦᠪᠰᠢᠶᠡᠷᠡᠬᠦᠯᠬᠦ ᠭᠡᠷᠡᠭᠳᠡᠢ᠄     ︵ᠨᠢᠬᠡ︶ ᠤᠯᠤᠰ᠂ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠪᠠᠷᠢᠯᠭ᠎ᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠢ ᠲᠠᠭᠠᠭᠠᠨ ᠬᠢᠵᠦ ᠪᠠᠶᠢᠭ᠎ᠠ ᠭᠤᠤᠯ ᠬᠠᠷᠢᠭᠤᠴᠠᠯᠭᠠᠳᠠᠨ ᠪᠡ ᠭᠤᠤᠯ ᠮᠡᠷᠭᠡᠵᠢᠯᠳᠡᠨ︔     ︵ᠬᠤᠶᠠᠷ︶ ᠤᠯᠤᠰ ᠪᠤᠶᠤ ᠦᠪᠡᠷᠳᠡᠭᠡᠨ ᠵᠠᠰᠠᠬᠤ ᠤᠷᠤᠨ ᠠᠴᠠ ᠨᠢᠬᠡᠳᠦᠯᠳᠡᠢ ᠰᠤᠩᠭᠤᠨ ᠲᠤᠮᠢᠯᠠᠭᠠᠳ ᠤᠢᠢᠯᠡᠴᠢᠯᠡᠭᠡᠨ ᠤ ᠬᠤᠭᠤᠴᠠᠭ᠎ᠠ ᠨᠢ ᠲᠠᠭᠤᠰᠤᠭᠠᠳᠤᠢ ᠬᠦᠮᠦᠰ︔     ︵ᠭᠤᠷᠪᠡ︶ ᠬᠠᠤᠯᠢ ᠴᠠᠭᠠᠵᠠ ᠪᠡ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠤᠨᠴᠠᠭᠠᠢ ᠠᠵᠢᠯ ᠤᠨ ᠪᠠᠶᠢᠷᠢ ᠳᠤ ᠪᠠᠶᠢᠭ᠎ᠠ ᠬᠦᠮᠦᠰ᠃          ᠭᠤᠷᠪᠠᠳᠤᠭᠠᠷ ᠪᠦᠯᠦᠭ ᠴᠢᠳᠠᠪᠤᠷᠢᠳᠠᠨ ᠤᠷᠢᠬᠤ     ᠠᠷᠪᠠᠨ ᠨᠢᠬᠡᠳᠦᠬᠡᠷ ᠵᠦᠢᠯ ᠬᠦᠮᠦᠨ ᠬᠡᠷᠡᠭᠯᠡᠬᠦ ᠨᠢᠬᠡᠴᠡ ᠬᠠᠤᠯᠢ ᠶᠤᠰᠤᠭᠠᠷ ᠡᠷᠬᠡ ᠮᠡᠳᠡᠨ ᠴᠢᠳᠠᠪᠤᠷᠢᠳᠠᠨ ᠤᠷᠢᠬᠤ ᠡᠷᠬᠡ ᠲᠠᠢ᠂ ᠶᠠᠮᠠᠷᠪᠠ ᠨᠢᠬᠡᠴᠡ ᠪᠡ ᠬᠤᠪᠢ ᠬᠦᠮᠦᠨ ᠬᠦᠮᠦᠨ ᠬᠡᠷᠡᠭᠯᠡᠬᠦ ᠨᠢᠬᠡᠴᠡ ᠶᠢᠨ ᠬᠡᠪ ᠤᠨ ᠤᠷᠢᠬᠤ ᠠᠵᠢᠯᠯᠠᠭ᠎ᠠ ᠶᠢ ᠬᠠᠷᠰᠢᠯᠠᠵᠣ ᠪᠤᠯᠬᠤ ᠦᠬᠡᠢ᠃ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠭᠡᠷ᠎ᠠ ᠲᠤᠭᠳᠠᠭᠠᠯ ᠎ ᠲᠠᠢ ᠪᠤᠯ ᠲᠡᠷᠡ ᠲᠤᠭᠳᠠᠭᠠᠯ ᠢ ᠵᠢᠷᠤᠮᠯᠠᠬᠤ ᠬᠡᠷᠡᠭᠳᠡᠢ᠃     ᠠᠷᠪᠠᠨ ᠬᠤᠶᠠᠳᠤᠭᠠᠷ ᠵᠦᠢᠯ  ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠶᠢᠨ ᠵᠤᠬᠢᠶᠠᠨ ᠪᠠᠶᠢᠭᠤᠯᠤᠭᠰᠠᠨ ᠴᠢᠳᠠᠪᠤᠷᠢᠳᠠᠨ ᠤ ᠰᠤᠯᠢᠯᠴᠠᠭᠠᠨ ᠤ ᠬᠤᠷᠠᠯ᠂ ᠢᠨᠲ᠋ᠧᠷ ᠰᠦᠯᠵᠢᠶ᠎ᠠ ᠵᠡᠷᠭᠡ ᠤᠯᠠᠨ ᠨᠡᠶᠢᠳᠡ ᠶᠢᠨ ᠵᠠᠭᠤᠴᠢᠯᠠᠭᠤᠷ ᠵᠢᠴᠢ ᠪᠤᠰᠤᠳ ᠬᠠᠤᠯᠢ ᠳᠤ ᠨᠡᠶᠢᠴᠡᠭᠰᠡᠨ ᠠᠷᠭ᠎ᠠ ᠬᠡᠯᠪᠡᠷᠢ ᠪᠠᠷ ᠲᠠᠮᠵᠢᠭᠤᠯᠣᠨ ᠴᠢᠳᠠᠪᠤᠷᠢᠳᠠᠨ ᠤᠷᠢᠵᠥ ᠪᠤᠯᠤᠨ᠎ᠠ᠃     ᠠᠷᠪᠠᠨ ᠭᠤᠷᠪᠠᠳᠤᠭᠠᠷ ᠵᠦᠢᠯ  ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ ᠦᠶᠡᠰ᠂ ᠬᠢᠨᠠᠨ ᠵᠦᠪᠰᠢᠶᠠᠷᠡᠬᠦ ᠪᠠᠶᠢᠭᠤᠯᠤᠯᠭ᠎ᠠ ᠠᠴᠠ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠡᠵᠡᠩᠨᠡᠯᠳᠡ ᠶᠢᠨ ᠦᠨᠡᠮᠯᠡᠯ ᠢᠶᠠᠨ ᠭᠠᠷᠭᠠᠵᠤ᠂ ᠤᠷᠢᠯᠭ᠎ᠠ ᠲᠠᠢ ᠬᠤᠯᠪᠤᠭᠳᠠᠬᠤ ᠨᠢᠬᠡᠴᠡ ᠶᠢᠨ ᠪᠠᠶᠢᠳᠠᠯ᠂ ᠤᠷᠢᠬᠤ ᠪᠠᠷ ᠵᠢᠱᠢᠵᠦ ᠪᠠᠶᠢᠬᠤ ᠴᠢᠳᠠᠪᠤᠷᠢᠳᠠᠨ ᠤ ᠲᠤᠭ᠎ᠠ᠂ ᠠᠵᠢᠯ ᠤᠨ ᠪᠠᠶᠢᠷᠢ᠂ ᠨᠦᠬᠦᠴᠡᠯ ᠵᠢᠴᠢ ᠬᠠᠷᠠᠭᠠᠯᠵᠠᠯ ᠵᠡᠷᠭᠡ ᠪᠠᠨ ᠦᠨᠡᠨ ᠮᠦᠠ ᠢᠶᠠᠷ ᠨᠢ ᠨᠡᠶᠢᠳᠡᠯᠡᠬᠦ ᠬᠡᠷᠡᠭᠳᠡᠢ᠃     ᠠᠷᠪᠠᠨ ᠲᠦᠷᠪᠡᠳᠦᠭᠡᠷ ᠵᠦᠢᠯ  ᠬᠦᠮᠦᠨ ᠬᠡᠷᠡᠭᠯᠡᠬᠦ ᠨᠢᠭᠡᠴᠡ ᠴᠢᠳᠠᠪᠤᠷᠢᠳᠠᠨ ᠤᠷᠢᠬᠤ ᠳᠤ ᠮᠡᠬᠡᠯᠡᠨ ᠬᠢᠬᠠᠬᠤ᠂ ᠲᠦᠪ ᠪᠤᠰᠤ ᠦᠷᠢᠰᠦᠯᠳᠦᠭᠡᠨ ᠵᠡᠷᠭᠡ ᠠᠷᠭ᠎ᠠ ᠶᠢ ᠬᠡᠷᠡᠭᠯᠡᠵᠦ ᠪᠤᠯᠬᠤ ᠦᠬᠡᠢ᠂ ᠶᠠᠮᠠᠷᠪᠠ ᠨᠡᠷ᠎ᠠ ᠪᠠᠷ ᠤᠷᠢᠭᠳᠠᠬᠤ ᠬᠦᠮᠦᠨ ᠠᠴᠠ ᠰᠦᠢᠳᠬᠡᠯ ᠬᠤᠷᠢᠶᠠᠵᠤ ᠪᠤᠯᠬᠤ ᠦᠬᠡᠢ᠂ ᠦᠨᠡᠮᠯᠡᠯ ᠢ ᠨᠢ ᠪᠠᠷᠢᠴᠠᠭᠠᠯᠠᠬᠤ ᠵᠡᠷᠬᠡ ᠬᠡᠯᠪᠡᠷᠢ ᠪᠠᠷ ᠤᠷᠢᠭᠳᠠᠬᠤ ᠬᠦᠮᠦᠰ ᠤᠨ ᠡᠷᠬᠡ ᠠᠰᠢᠭ ᠢ ᠬᠤᠬᠢᠷᠠᠭᠤᠯᠵᠤ ᠪᠤᠯᠬᠤ ᠦᠬᠡᠢ᠃     ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ ᠳᠠᠭᠠᠨ ᠦᠨᠳᠦᠰᠦᠳᠡᠨ᠂ ᠭᠠᠵᠠᠷ ᠤᠷᠤᠨ᠂ ᠱᠠᠰᠢᠨ ᠰᠢᠳᠦᠯᠬᠡ ᠵᠡᠷᠭᠡ ᠰᠢᠯᠳᠠᠭᠠᠨ ᠢᠶᠠᠷ ᠤᠷᠢᠬᠤ ᠶᠢ ᠲᠡᠪᠴᠢᠬᠦ ᠪᠤᠶᠤ ᠤᠷᠢᠬᠤ ᠪᠠᠷᠢᠮᠵᠢᠶ᠎ᠠ ᠪᠠᠨ ᠲᠡᠭᠡᠭᠰᠢᠯᠡᠬᠦᠯᠵᠦ ᠪᠤᠯᠬᠤ ᠦᠬᠡᠢ᠃ ᠤᠯᠤᠰ ᠠᠴᠠ ᠲᠤᠭᠳᠠᠭᠠᠭᠰᠠᠨ ᠡᠮᠡᠭᠳᠡᠢ ᠬᠦᠮᠦᠨ ᠳᠤ ᠲᠤᠬᠢᠷᠠᠬᠤ ᠦᠬᠡᠢ ᠠᠵᠢᠯ ᠤᠨ ᠪᠠᠶᠢᠷᠢ ᠠᠴᠠ ᠪᠤᠰᠤᠳ ᠢ ᠬᠦᠢᠰᠦ ᠢᠯᠭᠠᠯ ᠢᠶᠠᠷ ᠨᠦᠬᠦᠴᠡᠯ ᠪᠣᠯᠭᠠᠵᠣ ᠡᠮᠡᠭᠳᠡᠶᠢᠴᠤᠳ ᠢ ᠤᠷᠢᠬᠤ ᠦᠬᠡᠢ ᠪᠤᠶᠤ ᠡᠮᠡᠭᠳᠡᠶᠢᠴᠤᠳ ᠢ ᠤᠷᠢᠬᠤ ᠪᠡᠷᠢᠮᠵᠢᠶ᠎ᠠ ᠪᠠᠨ ᠲᠡᠭᠡᠭᠰᠢᠯᠡᠬᠦᠯᠵᠦ ᠪᠤᠯᠬᠤ ᠦᠬᠡᠢ᠃     ᠬᠦᠮᠦᠨ ᠬᠡᠷᠡᠭᠯᠡᠬᠦ ᠨᠢᠬᠡᠴᠡ ᠤᠯᠤᠰ ᠤᠨ ᠭᠠᠳᠠᠭᠠᠳᠤ ᠠᠴᠠ ᠴᠢᠳᠠᠪᠤᠷᠢᠳᠠᠨ ᠣᠷᠣᠭᠤᠯᠣᠨ ᠠᠪᠴᠢᠷᠠᠬᠤ ᠳᠠᠭᠠᠨ᠂ ᠤᠯᠤᠰ ᠪᠡ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠢ ᠵᠢᠷᠤᠮᠯᠠᠬᠤ ᠬᠡᠷᠡᠭᠳᠡᠢ᠃     ᠠᠷᠪᠠᠨ ᠲᠠᠪᠤᠳᠤᠭᠠᠷ ᠵᠦᠢᠯ  ᠬᠦᠮᠦᠨ ᠬᠡᠷᠡᠭᠯᠡᠬᠦ ᠨᠢᠬᠡᠴᠡ ᠲᠤᠰ ᠲᠦᠷᠢᠮ ᠤᠨ ᠠᠷᠪᠠᠳᠤᠭᠠᠷ ᠵᠦᠢᠯ ᠳᠠᠬᠢ ᠰᠢᠯᠵᠢᠬᠦ ᠶᠢ ᠬᠢᠵᠠᠭᠠᠷᠯᠠᠵᠤ ᠪᠠᠶᠢᠭ᠎ᠠ ᠴᠢᠳᠠᠪᠤᠷᠢᠳᠠᠨ ᠢ ᠤᠷᠢᠬᠤ ᠳᠤ᠂ ᠡᠷᠭᠡᠪᠰᠢ ᠬᠤᠯᠪᠤᠭᠳᠠᠯ ᠪᠦᠬᠦᠢ ᠲᠤᠭᠳᠠᠭᠠᠯ ᠎ ᠲᠠᠢ ᠨᠡᠶᠢᠴᠡᠬᠦ ᠬᠡᠷᠡᠭᠳᠡᠢ᠃     ᠠᠷᠪᠠᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠪᠡ  ᠤᠷᠢᠭᠳᠠᠬᠤ ᠬᠦᠮᠦᠨ ᠡᠷᠬᠡ ᠲᠡᠭᠰᠢ ᠪᠠᠷ᠂ ᠰᠠᠶᠢᠨ ᠲᠤᠷ᠎ᠠ ᠠᠴᠠ ᠪᠠᠨ᠂ ᠵᠦᠪᠯᠡᠭᠡᠳ ᠰᠠᠨᠠᠯ ᠨᠢᠭᠡᠳᠦᠭᠰᠡᠨ ᠰᠠᠭᠤᠷᠢᠨ ᠲᠡᠭᠡᠷ᠎ᠠ᠂ ᠬᠠᠤᠯᠢ ᠶᠤᠰᠤᠭᠠᠷ ᠤᠷᠢᠨ ᠬᠡᠷᠡᠭᠯᠡᠬᠦ ᠭᠡᠷ᠎ᠠ ᠪᠤᠶᠤ ᠬᠦᠳᠡᠯᠮᠦᠷᠢ ᠶᠢᠨ ᠬᠡᠷ᠎ᠠ ᠲᠤᠭᠳᠠᠵᠤ᠂ ᠬᠤᠶᠠᠷ ᠡᠳᠡᠭᠡᠳ ᠤᠨ ᠡᠷᠬᠡ᠂ ᠡᠬᠦᠷᠬᠡ ᠵᠢᠴᠢ ᠪᠤᠰᠤᠳ ᠬᠤᠯᠪᠤᠭᠳᠠᠯ ᠪᠦᠬᠦᠢ ᠵᠦᠢᠯᠠᠰ ᠢᠶᠠᠨ ᠲᠤᠳᠤᠷᠬᠠᠢᠢᠯᠠᠬᠤ ᠬᠡᠷᠡᠭᠳᠡᠢ᠃     ᠠᠷᠪᠠᠨ ᠲᠤᠯᠤᠳᠤᠭᠠᠷ ᠵᠦᠢᠯ  ᠭᠡᠷ᠎ᠠ ᠪᠠᠨ ᠬᠦᠴᠦᠨ ᠦᠬᠡᠢ ᠪᠤᠯᠭᠠᠭᠰᠠᠨ ᠴᠢᠳᠠᠪᠤᠷᠢᠳᠠᠨ ᠤᠣᠯ ᠨᠢᠭᠡᠴᠡ ᠎ ᠠᠴᠠ ᠪᠠᠨ ᠰᠠᠯᠬᠤ ᠦᠶᠡᠰ᠂ ᠤᠣᠯ ᠨᠢᠭᠡᠴᠡ ᠨᠢ ᠶᠠᠮᠠᠷᠪᠠ ᠰᠢᠯᠳᠠᠭ ᠢᠶᠠᠷ ᠰᠠᠯᠬᠤ ᠶᠢ ᠬᠤᠷᠢᠭᠯᠠᠨ ᠰᠠᠭᠠᠳᠠᠭᠠᠵᠤ ᠪᠤᠯᠬᠤ ᠦᠬᠡᠢ᠂ ᠲᠡᠬᠦᠨ ᠤ ᠠᠵᠢᠯᠳᠠᠨ ᠤ ᠶᠠᠪᠤᠳᠠᠯ ᠤᠨ ᠬᠠᠷᠢᠴᠠᠭ᠎ᠠ ᠵᠢᠴᠢ ᠨᠠᠰᠤ ᠵᠢᠯ᠂ ᠠᠵᠢᠯ ᠠᠯᠳᠠᠬᠤ᠂ ᠡᠮ ᠡᠮᠨᠡᠯᠬᠡ᠂ ᠠᠵᠢᠯ ᠤᠨ ᠬᠡᠮᠳᠦᠯ ᠵᠡᠷᠬᠡ ᠨᠡᠶᠢᠬᠡᠮ ᠤᠨ ᠲᠠᠭᠠᠳᠬᠠᠯ ᠤᠨ ᠮᠦᠩᠬᠦ ᠶᠢ ᠰᠢᠯᠵᠢᠬᠦᠯᠬᠦ ᠭᠠᠷ ᠬᠦᠢᠴᠡᠳᠬᠡᠯ ᠢ ᠎ ᠨᠢ ᠴᠠᠭ ᠲᠤᠬᠠᠢ ᠳᠤᠨᠢ ᠬᠦᠢᠴᠡᠳᠬᠡᠨ ᠦᠭᠬᠦ ᠶᠢᠨ ᠬᠠᠮᠳᠤ ᠲᠤᠭᠳᠠᠭᠠᠯ ᠶᠤᠰᠤᠭᠠᠷ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠢ ᠨᠢ ᠰᠢᠯᠵᠢᠬᠦᠯᠵᠦ᠂ ᠬᠠᠮᠢᠶ᠎ᠠ ᠪᠦᠬᠦᠢ ᠭᠡᠷᠡᠴᠢ ᠭᠠᠷᠭᠠᠨ ᠦᠭᠬᠦ ᠬᠡᠷᠡᠭᠳᠡᠢ᠃          ᠲᠦᠷᠪᠡᠳᠦᠭᠡᠷ ᠪᠦᠯᠦᠭ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ      ᠠᠷᠪᠠᠨ ᠨᠠᠢᠮᠠᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠤᠯ ᠬᠠᠤᠯᠢ ᠶᠤᠰᠤᠭᠠᠷ ᠪᠠᠶᠢᠭᠤᠯᠤᠭᠳᠠᠭᠰᠠᠨ ᠬᠦᠮᠦᠨ ᠬᠡᠷᠡᠭᠯᠡᠬᠦ ᠨᠢᠬᠡᠴᠡ ᠪᠡ ᠴᠢᠳᠠᠪᠤᠷᠢᠳᠠᠨ ᠤ ᠬᠠᠷᠢᠯᠴᠠᠨ ᠰᠤᠩᠭᠤᠬᠤ ᠳᠤ ᠵᠠᠭᠤᠴᠢ ᠪᠠ ᠬᠠᠮᠢᠶ᠎ᠠ ᠪᠦᠬᠦᠢ ᠨᠡᠶᠢᠬᠡᠮᠴᠢᠯᠡᠭᠰᠠᠡ ᠤᠢᠢᠯᠡᠴᠢᠯᠡᠭᠡ ᠬᠠᠩᠭᠠᠳᠠᠭ ᠵᠤᠬᠢᠶᠠᠨ ᠪᠠᠶᠢᠭᠤᠯᠤᠯᠳᠠ ᠪᠤᠯᠤᠨ᠎ᠠ᠃     ᠠᠷᠪᠠ ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠲᠤᠳᠤᠷ᠎ᠠ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠶᠢᠨ ᠭᠤᠶᠤᠴᠢᠯᠠᠨ ᠪᠠᠶᠢᠭᠤᠯᠬᠤ ᠳᠤ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠎ ᠢᠶᠠᠷ ᠬᠢᠨᠠᠨ ᠪᠠᠶᠢᠴᠠᠭᠠᠵᠤ ᠵᠦᠪᠰᠢᠶᠠᠭᠦᠯᠬᠦ ᠬᠡᠷᠡᠭᠳᠡᠢ᠃     ᠬᠤᠷᠢᠳᠤᠭᠠᠷ ᠵᠦᠢᠯ ᠭᠠᠳᠠᠭᠠᠳᠤ ᠤᠯᠤᠰ ᠤᠨ ᠺᠤᠮᠫᠠᠨᠢ ᠪᠡ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠴᠢᠳᠠᠪᠤᠷᠢᠳᠠᠨ ᠤ ᠵᠠᠭᠤᠴᠢ ᠤᠢᠢᠯᠡᠴᠢᠯᠡᠭᠡ ᠪᠤᠶᠤ ᠬᠠᠮᠢᠶ᠎ᠠ ᠪᠦᠬᠦᠢ ᠤᠢᠢᠯᠡᠴᠢᠯᠡᠭᠡ ᠡᠷᠬᠢᠯᠡᠬᠦ ᠳᠤ᠂ ᠪᠠᠶᠢᠭᠤᠯᠬᠤ ᠪᠤᠳᠠᠳᠠᠢ ᠨᠦᠬᠦᠴᠡᠯ᠂ ᠬᠢᠨᠠᠨ ᠵᠦᠪᠰᠢᠶᠠᠷᠡᠬᠦ ᠡᠮᠬᠢ ᠲᠠᠷᠠᠭᠠᠯᠠᠯ ᠵᠡᠷᠭᠡ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠬᠡᠷᠡᠭᠵᠢᠬᠦᠯᠦᠨ᠎ᠠ᠃     ᠰᠢᠶᠠᠩᠭᠠᠩ ᠵᠠᠰᠠᠭ ᠵᠠᠬᠢᠷᠭᠠᠨ ᠤ ᠤᠨᠴᠠᠭᠠᠢ ᠤᠷᠤᠨ᠂ ᠤᠤᠮᠸᠡ ᠵᠠᠰᠠᠭ ᠵᠠᠬᠢᠷᠭᠠᠨ ᠤ ᠤᠨᠴᠠᠭᠠᠢ ᠤᠷᠤᠨ᠂ ᠲᠠᠶᠢᠸᠠᠨ ᠤᠷᠤᠨ ᠤ ᠺᠤᠮᠫᠠᠨᠢ ᠪᠡ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠦᠪᠡᠷᠳᠡᠭᠡᠨ ᠵᠠᠰᠠᠬᠤ ᠤᠷᠤᠨ ᠤ ᠲᠤᠳᠤᠷ᠎ᠠ ᠪᠡᠯᠡ ᠬᠤᠷᠰᠢᠭᠰᠠᠨ ︵ᠬᠠᠮᠳᠤᠷᠠᠭᠰᠠᠨ︶ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠳᠤ ᠡᠮᠦᠨᠡᠬᠢ ᠪᠠᠳᠠᠭ ᠤᠨ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠦᠨ᠎ᠠ᠃ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠭᠡᠷ᠎ᠠ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠵᠢᠷᠤᠮᠯᠠᠨ᠎ᠠ᠃     ᠬᠤᠷᠢᠨ ᠨᠢᠬᠡᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠳᠤ ᠲᠤᠤᠷᠠᠬᠢ ᠨᠦᠬᠦᠴᠡᠯ ᠢ ᠪᠦᠷᠢᠯᠳᠦᠬᠦᠯᠬᠦ ᠬᠡᠷᠡᠭᠳᠡᠢ᠄     ︵ᠨᠢᠬᠡ︶ ᠴᠢᠳᠠᠪᠤᠷᠢᠳᠠᠨ ᠤ ᠵᠠᠭᠤᠴᠢ ᠶᠢᠨ ᠲᠤᠬᠠᠢᠢᠯᠠᠭᠰᠠᠨ ᠠᠵᠢᠯ ᠢ ᠡᠷᠬᠢᠯᠡᠬᠦ ᠬᠡᠪᠴᠢᠶ᠎ᠠ ᠳᠤ ᠵᠤᠬᠢᠴᠠᠬᠤ ᠲᠠᠯᠠᠪᠤᠷ᠂ ᠲᠦᠬᠦᠬᠡᠷᠦᠮᠵᠢ ᠪᠡ 10 ᠲᠦᠮᠡᠨ ᠲᠦᠬᠦᠷᠢᠭ ᠠᠴᠠ ᠪᠠᠭ᠎ᠠ ᠦᠭᠡᠢ ᠲᠠᠩᠰᠠᠯᠠᠭᠤᠯᠬᠤ ᠪᠡᠯᠡ ᠮᠦᠩᠬᠦ ᠲᠠᠢ ᠪᠠᠶᠢᠬᠤ︔       ︵ᠬᠤᠶᠠᠷ︶ ᠭᠤᠷᠪᠠ ᠠᠴᠠ ᠲᠡᠭᠡᠭᠰᠢ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠲᠡᠭᠡᠭᠰᠢ ᠰᠤᠷᠤᠯᠭ᠎ᠠ ᠶᠢᠨ ᠨᠠᠮᠳᠠᠷ ᠲᠠᠢ᠂ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ ᠲᠤᠭᠳᠠᠭᠠᠯ ᠪᠡ ᠲᠦᠷᠦ ᠶᠢᠨ ᠪᠤᠳᠤᠯᠭ᠎ᠠ ᠶᠢ ᠤᠢᠢᠯᠠᠭᠠᠳᠠᠭ᠂ ᠬᠠᠮᠢᠶ᠎ᠠ ᠪᠦᠬᠦᠢ ᠲᠤᠬᠠᠢᠢᠯᠠᠭᠰᠠᠨ ᠠᠵᠢᠯ ᠤᠨ ᠮᠡᠳᠡᠯᠭᠡ ᠶᠢ ᠡᠵᠡᠮᠰᠢᠭᠰᠡᠨ ᠲᠤᠰᠬᠠᠢ ᠲᠤᠰᠢᠶᠠᠯᠳᠤ ᠠᠵᠢᠯᠳᠠᠨ ᠪᠠᠶᠢᠬᠤ︔     ︵ᠭᠤᠷᠪᠠ︶ ᠲᠤᠳᠤᠷᠬᠠᠢ ᠲᠤᠬᠠᠢᠢᠯᠠᠭᠰᠠᠨ ᠠᠵᠢᠯ ᠤᠨ ᠬᠦᠷᠢᠶ᠎ᠠ ᠬᠡᠪᠴᠢᠶ᠎ᠠ ᠪᠡ ᠴᠢᠳᠠᠪᠤᠷᠢᠳᠠᠨ ᠤ ᠵᠠᠭᠤᠴᠢ ᠶᠢᠨ ᠲᠤᠬᠠᠢᠢᠯᠠᠭᠰᠠᠨ ᠠᠵᠢᠯ ᠲᠠᠢ ᠨᠡᠶᠢᠴᠡᠭᠰᠡᠨ ᠨᠠᠷᠠᠶᠢᠳᠤᠯ᠂ ᠲᠦᠷᠢᠮ ᠲᠠᠢ ᠪᠠᠶᠢᠬᠤ︔     ︵ᠲᠦᠷᠪᠡ︶ ᠲᠤᠰᠠᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠵᠦ ᠴᠢᠳᠠᠬᠤ︔     ︵ᠲᠠᠪᠤ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠨᠦᠬᠦᠴᠡᠯ᠃     ᠬᠤᠷᠢᠨ ᠬᠤᠶᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠳᠤ᠂ ᠬᠢᠨᠠᠨ ᠵᠦᠪᠰᠢᠶᠡᠷᠡᠭᠦ ᠪᠠᠶᠢᠭᠤᠯᠤᠯᠭ᠎ᠠ ᠳᠤ ᠡᠷᠭᠦᠳᠡᠯ ᠭᠠᠷᠭᠠᠬᠤ ᠶᠢᠨ ᠬᠠᠮᠳᠦ ᠲᠤᠰ ᠲᠦᠷᠢᠮ ᠤᠨ ᠬᠤᠷᠢᠨ ᠨᠢᠭᠡᠳᠦᠭᠡᠷ ᠵᠦᠢᠯ ᠤᠨ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠬᠡᠷᠡᠴᠢᠯᠡᠬᠦ ᠮᠠᠲ᠋ᠧᠷᠢᠶᠠᠯ ᠲᠤᠰᠢᠶᠠᠬᠤ ᠬᠡᠷᠡᠭᠳᠡᠢ︔ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠭᠰᠠᠨ ᠪᠢᠴᠢᠭ ᠢ ᠬᠢᠨᠠᠨ ᠵᠦᠪᠰᠢᠶᠠᠷᠡᠬᠦ ᠪᠠᠶᠢᠭᠤᠯᠤᠯᠭ᠎ᠠ ᠬᠦᠯᠢᠶᠠᠨ ᠠᠪᠤᠭᠰᠠᠨ ᠡᠳᠦᠷ ᠠᠴᠠ ᠡᠬᠢᠯᠡᠵᠦ᠂ 20 ᠡᠳᠦᠷ ᠤᠨ ᠲᠤᠳᠤᠷ᠎ᠠ ᠲᠤᠭᠳᠠᠭᠠᠯ ᠭᠠᠷᠭᠠᠬᠤ ᠬᠡᠷᠡᠭᠳᠡᠢ︔ ᠬᠢᠨᠠᠨ ᠪᠠᠶᠢᠴᠠᠭᠠᠵᠦ ᠵᠦᠪᠰᠢᠶᠠᠷᠡᠪᠡᠯ ︽ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠵᠦᠪᠰᠢᠶᠠᠷᠡᠯ ᠤᠨ ᠦᠨᠡᠮᠯᠡᠯ︾ ᠣᠯᠭᠤᠨ᠎ᠠ︔ ᠵᠦᠪᠰᠢᠶᠡᠷᠡᠭᠦ ᠦᠬᠡᠢ ᠪᠤᠯ ᠪᠢᠴᠢᠭ ᠤᠨ ᠬᠡᠯᠪᠡᠷᠢ ᠎ ᠪᠠᠷ ᠭᠤᠶᠤᠴᠢᠯᠠᠭᠰᠠᠨ ᠬᠦᠮᠦᠨ ᠳᠤ ᠮᠡᠳᠡᠭᠳᠡᠬᠦ ᠪᠦᠭᠡᠳ ᠤᠴᠢᠷ ᠰᠢᠯᠳᠠᠭᠠᠨ ᠢ ᠨᠢ ᠲᠤᠳᠤᠷᠬᠠᠢᠢᠯᠠᠬᠤ ᠬᠡᠷᠡᠭᠳᠡᠢ᠃     ᠭᠤᠶᠤᠴᠢᠯᠠᠬᠤ ᠬᠦᠮᠦᠨ ︽ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠵᠦᠪᠰᠢᠶᠠᠷᠠᠯ ᠤᠨ ᠦᠨᠡᠮᠯᠡᠯ︾ ᠎ ᠢᠶᠠᠷ ᠪᠦᠷᠢᠳᠬᠡᠨ ᠲᠠᠩᠰᠠᠯᠠᠭᠤᠯᠬᠤ ᠭᠠᠷᠳᠠᠮ ᠢᠶᠠᠨ ᠬᠦᠢᠴᠡᠳᠭᠡᠨ᠎ᠠ︔ ᠠᠵᠢᠯ ᠤᠢᠢᠯᠡᠰ ᠤᠨ ᠴᠢᠨᠠᠷᠳᠠᠢ ᠪᠤᠯ ᠠᠳᠠᠯᠢ ᠱᠠᠳᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠦᠷᠢᠳᠬᠡᠨ ᠲᠡᠩᠰᠠᠯᠠᠬᠤ ᠭᠠᠷᠳᠠᠮ ᠬᠦᠢᠴᠡᠳᠭᠡᠨ᠎ᠠ︔ ᠠᠵᠤ ᠠᠬᠤᠢᠢᠯᠠᠯ ᠤᠨ ᠴᠢᠨᠠᠷᠳᠠᠢ ᠪᠤᠯ ᠠᠳᠠᠯᠢ ᠱᠠᠳᠤᠨ ᠤ ᠤᠢᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠦᠷᠢᠳᠬᠡᠨ ᠲᠠᠩᠰᠠᠯᠠᠬᠤ ᠭᠠᠷᠳᠠᠮ ᠬᠦᠢᠴᠡᠳᠬᠡᠨ᠎ᠠ︔ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠪᠤᠰᠤ ᠴᠢᠨᠠᠷᠳᠠᠢ ᠪᠤᠯ ᠠᠳᠠᠯᠢ ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠪᠦᠷᠢᠳᠭᠡᠨ ᠲᠠᠩᠰᠠᠯᠠᠬᠤ ᠭᠠᠷᠳᠠᠮ ᠬᠦᠢᠴᠡᠳᠬᠡᠨ᠎ᠠ︔ ︽ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠵᠦᠪᠰᠢᠶᠠᠷᠠᠯ ᠤᠨ ᠦᠨᠡᠮᠯᠡᠯ︾ ᠤᠯᠤᠭᠰᠠᠨ ᠦᠬᠡᠢ ᠪᠤᠯ ᠬᠤᠯᠪᠤᠭᠳᠠᠯ ᠪᠦᠬᠦᠢ ᠰᠠᠯᠠᠭ᠎ᠠ ᠮᠦᠴᠢᠷ ᠲᠡᠬᠦᠨ ᠳᠤ ᠪᠦᠷᠢᠳᠬᠡᠨ ᠲᠠᠩᠰᠠᠯᠠᠬᠤ ᠭᠠᠷᠳᠠᠮ ᠬᠦᠢᠴᠡᠳᠭᠡᠨ ᠦᠭᠴᠦ ᠪᠤᠯᠬᠤ ᠦᠬᠡᠢ︔ ᠭᠤᠶᠤᠴᠢᠯᠠᠬᠤ ᠬᠦᠮᠦᠨ ᠪᠦᠷᠢᠳᠬᠡᠨ ᠲᠠᠩᠰᠠᠯᠠᠬᠤ ᠭᠠᠷᠳᠠᠮ ᠢᠶᠠᠨ ᠬᠦᠢᠴᠡᠳᠭᠡᠭᠰᠡᠨ ᠤ ᠲᠠᠷᠠᠭ᠎ᠠ ᠰᠠᠶᠢ ᠴᠢᠳᠠᠪᠤᠷᠢᠳᠠᠨ ᠤ ᠵᠠᠭᠤᠴᠢ ᠦᠢᠯᠠᠴᠢᠯᠡᠬᠡᠡ ᠤ ᠲᠤᠬᠠᠢᠢᠯᠠᠭᠰᠠᠨ ᠠᠵᠢᠯ ᠡᠵᠡᠩᠨᠡᠵᠦ ᠪᠤᠯᠤᠨ᠎ᠠ᠃     ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠨ ᠬᠤᠪᠢᠷᠠᠭᠠᠵᠤ᠂  ᠦᠭᠡᠶᠢᠰᠭᠡᠬᠦ ᠳᠤ ᠭᠦᠷᠪᠡᠯ ᠤᠭ ᠤᠨ ᠪᠦᠷᠢᠳᠭᠡᠨ ᠲᠠᠩᠰᠠᠯᠠᠭᠤᠯᠤᠭᠰᠠᠨ ᠬᠠᠮᠢᠶᠠᠷᠤᠯᠳᠠ ᠶᠢᠨ ᠪᠠᠶᠢᠭᠤᠯᠤᠯᠭ᠎ᠠ ᠳᠤ ᠬᠦᠷᠴᠦ ᠦᠬᠡᠷᠠᠴᠢᠯᠡᠬᠦᠯᠬᠦ ᠪᠤᠶᠤ ᠬᠠᠰᠤᠬᠤ ᠭᠠᠷᠳᠠᠮ ᠬᠦᠢᠴᠡᠳᠭᠡᠬᠦ ᠬᠡᠷᠡᠭᠳᠡᠢ᠃     ᠬᠤᠷᠢᠨ ᠭᠤᠷᠪᠡᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠤᠪᠢᠶᠠᠷᠢ ᠪᠠᠶᠢᠭᠤᠯᠤᠮᠵᠢ ᠪᠠᠶᠢᠭᠤᠯᠬᠤ ᠳᠤ᠂ ᠤᠣᠯ ᠤᠨ ᠬᠢᠨᠠᠨ ᠵᠦᠪᠰᠢᠶᠠᠷᠡᠭᠰᠡᠨ ᠪᠠᠶᠢᠭᠤᠯᠤᠯᠭ᠎ᠠ ᠶᠢᠨ ᠪᠢᠴᠢᠭ ᠤᠨ ᠬᠡᠯᠪᠡᠷᠢ ᠶᠢᠨ ᠵᠦᠪᠰᠢᠶᠡᠷᠡᠯ ᠢ ᠤᠯᠤᠭᠰᠠᠨ ᠬᠤᠶᠢᠨ᠎ᠠ᠂ ᠬᠤᠪᠢᠶᠠᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠡᠨ ᠵᠦᠪᠰᠢᠶᠠᠷᠡᠬᠦᠯᠬᠦ ᠬᠡᠷᠡᠭᠳᠡᠢ︔ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠬᠡᠷ᠎ᠠ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠵᠢᠷᠦᠮᠯᠠᠬᠤ ᠬᠡᠷᠡᠭᠳᠡᠢ᠃     ᠬᠤᠷᠢᠨ ᠲᠦᠷᠪᠡᠳᠦᠭᠡᠷ ᠵᠦᠢᠯ  ᠢᠨᠲ᠋ᠧᠷ ᠰᠦᠯᠵᠢᠶ᠎ᠠ ᠵᠡᠷᠭᠡ ᠤᠯᠠᠨ ᠨᠡᠶᠢᠳᠡ ᠶᠢᠨ ᠵᠠᠭᠤᠴᠢᠯᠠᠭᠤᠷ ᠵᠢᠴᠢ ᠪᠤᠰᠤᠳ ᠬᠡᠯᠪᠡᠷᠢ ᠪᠠᠷ ᠴᠢᠳᠠᠪᠤᠷᠢᠳᠠᠨ ᠤ ᠵᠠᠭᠤᠴᠢ ᠶᠢᠨ ᠤᠢᠢᠯᠡᠴᠢᠯᠡᠭᠡ ᠬᠠᠩᠭᠠᠬᠤ ᠳᠤ᠂ ᠡᠷᠬᠡᠪᠰᠢ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠭᠤᠶᠤᠴᠢᠯᠠᠨ ᠤᠯᠬᠤ ᠬᠡᠷᠡᠭᠳᠡᠢ᠃     ᠬᠤᠷᠢᠨ ᠲᠠᠪᠤᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠲᠤᠤᠷᠠᠬᠢ ᠠᠵᠢᠯ ᠢ ᠡᠷᠬᠢᠯᠡᠵᠦ ᠪᠤᠯᠤᠨ᠎ᠠ᠄     ︵ᠨᠢᠬᠡ︶ ᠴᠢᠳᠠᠪᠤᠷᠢᠳᠠᠨ ᠤ ᠵᠠᠬ᠎ᠠ ᠲᠡᠯᠭᠡᠭᠦᠷ ᠲᠠᠢ ᠬᠤᠯᠪᠤᠭᠳᠠᠬᠤ ᠬᠠᠤᠯᠢ ᠴᠠᠭᠠᠵᠠ᠂ ᠬᠠᠤᠯᠢ ᠲᠤᠭᠳᠠᠭᠠᠯ ᠪᠡ ᠲᠦᠷᠦ ᠶᠢᠨ ᠪᠤᠳᠤᠯᠭ᠎ᠠ ᠶᠢᠨ ᠯᠠᠪᠯᠠᠭ᠎ᠠ ᠬᠠᠩᠭᠠᠬᠤ︔     ︵ᠬᠤᠶᠠᠷ︶ ᠴᠢᠳᠠᠪᠤᠷᠢᠳᠠᠨ ᠤ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ ᠡᠮᠬᠢᠯᠡᠬᠦ᠂ ᠬᠠᠳᠠᠭᠠᠯᠠᠬᠤ ᠪᠠ ᠨᠡᠶᠢᠳᠡᠯᠡᠬᠦ︔     ︵ᠭᠤᠷᠪᠠ︶ ᠴᠢᠳᠠᠪᠤᠷᠢᠳᠠᠨ ᠤ ᠠᠵᠢᠯ ᠤᠯᠬᠤ ᠶᠢ ᠲᠠᠩᠰᠠᠯᠠᠬᠤ ᠪᠡ ᠴᠢᠳᠠᠪᠤᠷᠢᠳᠠᠨ ᠢ ᠲᠠᠨᠢᠯᠴᠠᠭᠤᠯᠬᠤ︔     ︵ᠲᠦᠷᠪᠡ︶ ᠴᠢᠳᠠᠪᠤᠷᠢᠳᠠᠨ ᠢ ᠤᠷᠢᠬᠤ᠂ ᠡᠷᠢᠨ ᠤᠷᠢᠬᠤ᠂ ᠤᠶᠤᠨ ᠨᠡᠭᠡᠭᠡᠭᠳᠡᠭᠦᠯᠬᠦ ᠠᠵᠢᠯᠯᠠᠭ᠎ᠠ ᠶᠢ ᠵᠤᠬᠢᠶᠠᠨ ᠪᠠᠶᠢᠭᠤᠯᠬᠤ᠂ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠠᠬᠦ︔     ︵ᠲᠠᠪᠤ︶ ᠴᠢᠳᠠᠪᠤᠷᠢᠳᠠᠨ ᠤ ᠭᠡᠪ ᠪᠤᠯᠪᠠᠰᠤᠷᠠᠯ ᠢ ᠬᠢᠨᠠᠨ ᠲᠤᠭᠳᠠᠭᠠᠬᠤ︔     ︵ᠵᠢᠷᠭᠤᠭ᠎ᠠ︶ ᠴᠢᠳᠠᠪᠤᠷᠢᠳᠠᠨ ᠲᠤᠮᠢᠯᠠᠬᠤ︔     ︵ᠲᠤᠯᠤᠭ᠎ᠠ︶ ᠴᠢᠳᠠᠪᠤᠷᠢᠳᠠᠨ ᠤ ᠤᠢᠢᠯᠡᠰ ᠢ ᠨᠡᠭᠡᠭᠡᠨ ᠬᠦᠭᠵᠢᠬᠦᠯᠬᠦ ᠲᠠᠢ ᠬᠤᠯᠪᠤᠭᠳᠠᠬᠤ ᠡᠯ᠎ᠠ ᠵᠦᠢᠯ ᠤᠨ ᠪᠤᠯᠪᠠᠰᠤᠷᠠᠯ ᠢ ᠵᠤᠬᠢᠶᠠᠨ ᠪᠠᠶᠢᠭᠤᠯᠬᠤ︔      ︵ᠨᠠᠢᠮᠠ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠲᠤᠬᠠᠢᠢᠯᠠᠭᠰᠠᠨ ᠠᠵᠢᠯ᠃     ᠬᠤᠷᠢᠨ ᠵᠢᠷᠭᠤᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠲᠤᠤᠷᠡᠬᠢ ᠠᠵᠢᠯᠯᠠᠭ᠎ᠠ ᠲᠠᠢ ᠪᠠᠶᠢᠵᠤ ᠪᠤᠯᠬᠤ ᠦᠬᠡᠢ᠄     ︵ᠨᠢᠬᠡ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾ ᠵᠢᠴᠢ ᠬᠠᠮᠢᠶ᠎ᠠ ᠪᠦᠬᠦᠢ ᠦᠨᠡᠮᠯᠡᠯ ᠢ ᠬᠤᠳᠠᠯ ᠢᠶᠠᠷ ᠵᠤᠬᠢᠶᠠᠵᠤ᠂ ᠪᠠᠯᠠᠯᠠᠨ ᠦᠭᠡᠷᠠᠴᠢᠯᠡᠵᠦ᠂ ᠵᠢᠬᠡᠯᠡᠵᠦ᠂ ᠲᠦᠷᠢᠶᠡᠰᠦᠯᠡᠵᠦ᠂ ᠰᠢᠯᠵᠢᠬᠦᠯᠦᠨ ᠦᠭᠬᠦ︔     ︵ᠬᠤᠶᠠᠷ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾᠎ ᠳᠤ ᠬᠢᠨᠡᠨ ᠵᠦᠪᠰᠢᠶᠠᠷᠡᠭᠰᠡᠨ ᠲᠤᠬᠠᠢᠢᠯᠠᠭᠰᠠᠨ ᠠᠵᠢᠯ ᠤᠨ ᠬᠦᠷᠢᠶ᠎ᠠ ᠬᠡᠪᠴᠢᠶ᠎ᠠ ᠠᠴᠠ ᠭᠡᠳᠦᠷᠡᠭᠦᠯᠦᠨ ᠡᠵᠡᠩᠨᠡᠬᠦ︔     ︵ᠭᠤᠷᠪᠡ︶ ᠲᠦᠪ ᠪᠤᠰᠤ ᠪᠠᠷ ᠦᠷᠢᠰᠦᠯᠳᠦᠬᠦ ᠠᠷᠭ᠎ᠠ ᠶᠢ ᠬᠡᠷᠡᠭᠯᠡᠨ ᠲᠤᠬᠠᠢᠢᠯᠠᠭᠰᠠᠨ ᠠᠵᠢᠯ ᠡᠷᠬᠢᠯᠡᠬᠦ︔     ︵ᠲᠦᠷᠪᠡ︶ ᠬᠠᠮᠢᠶ᠎ᠠ ᠲᠠᠢ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠬᠤ︔     ︵ᠲᠠᠪᠤ︶ ᠬᠤᠳᠠᠯ ᠬᠠᠭᠤᠷᠮᠠᠭ ᠮᠡᠳᠡᠭᠡ ᠵᠠᠩᠬᠢ ᠬᠠᠩᠭᠠᠬᠤ ᠪᠠ ᠬᠤᠳᠠᠯ ᠬᠠᠭᠤᠷᠮᠠᠭ ᠠᠮᠠᠯᠠᠯᠳᠠ ᠬᠢᠬᠦ︔     ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠭᠳᠠᠭᠠᠯ ᠢ ᠵᠦᠷᠢᠴᠡᠭᠰᠡᠨ ᠪᠤᠰᠤᠳ ᠠᠵᠢᠯᠯᠠᠭ᠎ᠠ᠃     ᠬᠤᠷᠢᠨ ᠲᠤᠯᠤᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠢᠨᠡᠨ ᠵᠦᠪᠰᠢᠶᠡᠷᠡᠭᠰᠡᠨ ᠠᠵᠢᠯ ᠡᠷᠬᠢᠯᠡᠬᠦ ᠬᠡᠪᠴᠢᠶᠡᠨ ᠲᠤᠳᠤᠷ᠎ᠠ ᠪᠠᠨ ᠬᠦᠮᠦᠨ ᠬᠡᠷᠡᠭᠯᠡᠬᠦ ᠨᠢᠬᠡᠴᠡ ᠪᠡ ᠬᠤᠪᠢ ᠬᠦᠮᠦᠨ ᠤ ᠨᠠᠶᠢᠳᠠᠯᠭ᠎ᠠ ᠶᠢ ᠬᠦᠯᠢᠶᠠᠵᠦ᠂ ᠤᠷᠤᠯᠠᠨ ᠬᠦᠢᠴᠡᠳᠬᠡᠬᠦ ᠬᠡᠯᠪᠡᠷᠢ ᠪᠠᠷ ᠤᠢᠢᠯᠡᠴᠢᠯᠡᠭᠡ ᠬᠠᠩᠭᠠᠵᠦ ᠪᠤᠯᠤᠨ᠎ᠠ᠃  ᠪᠠᠶᠢᠭᠤᠯᠤᠯᠭ᠎ᠠ ᠨᠢᠬᠡᠴᠡ ᠪᠡ ᠬᠤᠪᠢ ᠬᠦᠮᠦᠨ ᠤᠷᠤᠯᠠᠨ ᠬᠦᠢᠴᠡᠳᠬᠡᠬᠦ ᠦᠢᠯᠡᠴᠢᠯᠡᠭᠡ ᠱᠠᠭᠠᠷᠳᠠᠪᠠᠯ᠂ ᠤᠷᠤᠯᠠᠨ ᠬᠦᠢᠴᠡᠳᠬᠡᠯᠭᠡᠬᠦ ᠪᠠᠶᠢᠭᠤᠯᠤᠮᠵᠢ ᠳᠤ ᠬᠦᠴᠦᠨ ᠪᠦᠬᠦᠢ ᠦᠨᠡᠮᠯᠡᠯ ᠵᠢᠴᠢ ᠨᠠᠶᠢᠳᠠᠯᠭ᠎ᠠ ᠶᠢᠨ ᠪᠢᠴᠢᠭ ᠵᠡᠷᠭᠡ ᠬᠤᠯᠪᠤᠭᠳᠠᠯ ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠨᠠᠶᠢᠳᠠᠨ ᠤᠷᠤᠯᠠᠨ ᠬᠦᠢᠴᠡᠳᠭᠡᠯᠬᠡᠬᠦ ᠵᠦᠢᠯᠡᠰ ᠢᠶᠠᠨ ᠲᠤᠳᠤᠷᠬᠠᠢᠢᠯᠠᠬᠤ ᠬᠡᠷᠡᠭᠳᠡᠢ︔ ᠤᠷᠤᠯᠠᠨ ᠬᠦᠢᠴᠡᠳᠭᠡᠬᠦ ᠪᠠᠶᠢᠭᠤᠯᠤᠮᠵᠢ ᠨᠠᠶᠢᠳᠠᠭᠰᠠᠨ ᠨᠢᠬᠡᠴᠡ ᠪᠤᠶᠤ ᠬᠤᠪᠢ ᠬᠦᠮᠦᠨ ᠲᠠᠢ ᠬᠡᠯᠡᠯᠴᠡᠨ ᠵᠦᠪᠳᠡᠵᠦ ᠰᠠᠨᠠᠯ ᠨᠢᠬᠡᠳᠦᠭᠰᠡᠨ ᠤ ᠲᠠᠷᠠᠭ᠎ᠠ ᠤᠷᠤᠯᠠᠨ ᠬᠦᠢᠴᠡᠳᠭᠡᠬᠦ ᠭᠡᠷ᠎ᠠ ᠲᠤᠭᠳᠠᠬᠤ ᠬᠡᠷᠡᠭᠳᠡᠢ᠃     ᠬᠤᠷᠢᠨ ᠨᠠᠢᠮᠠᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠴᠢᠳᠠᠪᠤᠷᠢᠳᠠᠨ ᠢ ᠲᠤᠮᠢᠯᠠᠬᠤ ᠠᠵᠢᠯ ᠢ ᠡᠷᠬᠢᠯᠡᠬᠦ ᠳᠤ ᠲᠤᠮᠢᠯᠠᠭᠳᠠᠬᠤ ᠴᠢᠳᠠᠪᠤᠷᠢᠳᠠᠨ ᠲᠠᠢ ᠬᠦᠳᠡᠯᠮᠦᠷᠢ ᠶᠢᠨ ᠬᠡᠷ᠎ᠠ ᠲᠤᠭᠳᠠᠵᠤ᠂ ᠬᠦᠮᠦᠨ ᠬᠡᠷᠡᠭᠯᠡᠬᠦ ᠨᠢᠬᠡᠴᠡ ᠲᠠᠢ ᠲᠤᠮᠢᠯᠠᠬᠤ ᠬᠡᠯᠡᠯᠴᠡᠬᠡᠷ ᠲᠤᠭᠳᠠᠨ᠂ ᠦᠪᠡᠷ ᠦᠪᠡᠷ ᠤᠨ ᠲᠤᠰᠢᠶᠠᠯ ᠬᠠᠷᠢᠭᠤᠴᠡᠯᠭ᠎ᠠ ᠂ ᠡᠷᠬᠡ ᠡᠬᠦᠷᠬᠡ ᠪᠠᠨ ᠲᠤᠳᠤᠷᠬᠠᠢᠢᠯᠠᠬᠤ ᠬᠡᠷᠡᠭᠳᠡᠢ᠃     ᠬᠤᠷᠢ ᠶᠢᠰᠦᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠴᠢᠳᠠᠪᠤᠷᠢᠳᠠᠨ ᠡᠷᠢᠠ ᠤᠷᠢᠬᠤ ᠠᠵᠢᠯ ᠢ ᠡᠷᠬᠢᠯᠡᠬᠦ ᠳᠤ ᠴᠢᠳᠠᠪᠤᠷᠢᠳᠠᠨ ᠤ ᠠᠵᠢᠯ ᠤᠯᠬᠤ ᠡᠷᠡᠮᠡᠯᠵᠡᠯ ᠤᠨ ᠨᠢᠭᠤᠴᠠ ᠶᠢ ᠬᠠᠮᠠᠭᠠᠯᠠᠵᠤ᠂ ᠨᠠᠶᠢᠳᠠᠭᠰᠠᠨ ᠨᠢᠬᠡᠴᠡ ᠪᠡ ᠡᠷᠢᠨ ᠤᠷᠢᠭᠳᠠᠬᠤ ᠴᠢᠳᠠᠪᠤᠷᠢᠳᠠᠨ ᠤ ᠪᠠᠶᠢᠭ᠎ᠠ ᠨᠢᠭᠡᠴᠡ ᠶᠢᠨ ᠮᠡᠳᠡᠯᠬᠡ ᠶᠢᠨ ᠦᠮᠴᠢᠯᠡᠬᠦ ᠡᠷᠬᠡ ᠪᠡ ᠪᠤᠰᠤᠳ ᠬᠠᠤᠯᠢ ᠶᠤᠰᠤᠨ ᠤ ᠡᠷᠬᠡ ᠠᠰᠢᠭ ᠲᠤ ᠬᠠᠯᠳᠠᠵᠤ ᠪᠤᠯᠬᠤ ᠦᠬᠡᠢ᠃ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠲᠤᠰ ᠲᠦᠷᠢᠮ ᠤᠨ ᠠᠷᠪᠠᠳᠤᠭᠠᠷ ᠵᠦᠢᠯ ᠳᠠᠬᠢ ᠠᠵᠢᠯ ᠰᠢᠯᠵᠢᠬᠦ ᠶᠢ ᠬᠢᠵᠠᠭᠠᠷᠯᠠᠭᠰᠠᠨ ᠴᠢᠳᠠᠪᠤᠷᠢᠳᠠᠨ ᠢ ᠡᠷᠢᠨ ᠤᠷᠢᠬᠤ ᠳᠤ ᠡᠷᠬᠡᠪᠰᠢ ᠬᠤᠯᠪᠤᠭᠳᠠᠯ ᠪᠦᠬᠦᠢ ᠲᠤᠭᠳᠠᠭᠠᠯ ᠲᠠᠢ ᠨᠡᠶᠢᠴᠡᠬᠦ ᠭᠡᠷᠡᠭᠳᠡᠢ᠃     ᠭᠤᠴᠢᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠳᠤ᠂ ᠪᠠᠶᠢᠭ᠎ᠠ ᠭᠠᠵᠡᠷ ᠤᠨ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠡᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠠᠮᠢᠶᠠᠷᠤᠯᠳᠠ ᠶᠢᠨ ᠡᠷᠬᠡ ᠶᠢᠨ ᠬᠢᠵᠠᠭᠠᠷ ᠶᠤᠰᠤᠭᠠᠷ ᠬᠢᠨᠡᠨ ᠪᠠᠶᠢᠴᠠᠭᠠᠯᠭᠠᠵᠤ ᠵᠦᠪᠰᠢᠶᠡᠷᠡᠬᠦᠯᠬᠦ ᠬᠡᠷᠡᠭᠳᠡᠢ᠃     ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ︾ ᠪᠤᠶᠤ ︽ᠦᠪᠦᠷ ᠮᠤᠩᠭᠤᠯ︾ ᠵᠢᠴᠢ ︽ᠪᠦᠬᠦ ᠤᠷᠤᠨ︾ ᠵᠡᠷᠭᠡ ᠪᠠᠷ ᠨᠡᠷᠡᠯᠡᠭᠰᠡᠨ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠳᠤ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠎ ᠢᠶᠠᠷ ᠬᠢᠨᠠᠨ ᠪᠠᠶᠢᠴᠠᠭᠠᠯᠭᠠᠵᠤ ᠵᠦᠪᠰᠢᠶᠡᠷᠡᠬᠦᠯᠬᠦ ᠬᠡᠷᠡᠭᠳᠡᠢ᠃     ᠭᠤᠴᠢᠨ ᠨᠢᠭᠡᠳᠦᠭᠡᠷ ᠵᠦᠢᠯ  ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠠᠬᠦ ᠦᠶᠠᠰ᠂ ᠭᠤᠤᠯᠯᠠᠨ ᠡᠷᠬᠢᠯᠡᠬᠦ ᠨᠢᠬᠡᠴᠡ ᠵᠢᠴᠢ ᠬᠠᠷᠢᠭᠤᠴᠠᠯᠭᠠᠳᠠᠨ ᠢ ᠲᠤᠳᠤᠷᠬᠠᠢᠢᠯᠠᠵᠤ᠂ ᠬᠤᠷᠠᠯ ᠡᠷᠬᠢᠯᠡᠭᠴᠢ ᠠᠴᠠ ᠵᠤᠬᠢᠴᠠᠩᠭᠤᠢ ᠵᠤᠬᠢᠶᠠᠨ ᠪᠠᠶᠢᠭᠤᠯᠵᠤ ᠬᠡᠷᠡᠭᠵᠢᠬᠦᠯᠬᠦ ᠲᠦᠰᠦᠪ ᠪᠡ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠦᠰᠦᠪ ᠲᠤᠭᠳᠠᠭᠠᠬᠤ ᠬᠡᠷᠡᠭᠳᠡᠢ ᠪᠦᠬᠡᠳ ᠰᠤᠯᠢᠯᠴᠠᠭᠠᠨ ᠤ ᠬᠤᠷᠠᠯ ᠳᠤ ᠤᠷᠤᠯᠴᠠᠬᠤ ᠬᠦᠮᠦᠨ ᠬᠡᠷᠡᠭᠯᠡᠬᠦ ᠨᠢᠬᠡᠴᠡ ᠶᠢᠨ ᠬᠢᠷᠢ ᠬᠡᠮ ᠢ ᠬᠢᠨᠠᠨ ᠪᠠᠶᠢᠴᠠᠭᠠᠬᠤ ᠭᠡᠷᠡᠭᠳᠡᠢ᠃     ᠬᠢᠨᠠᠨ ᠵᠦᠪᠰᠢᠶᠠᠷᠡᠬᠦ ᠪᠠᠶᠢᠭᠤᠯᠤᠯᠭ᠎ᠠ ᠠᠴᠠ ᠡᠯᠰᠡᠬᠦ ᠠᠵᠢᠯᠯᠠᠭ᠎ᠠ ᠶᠢ ᠬᠢᠨᠠᠨ ᠬᠠᠮᠢᠶᠠᠷᠬᠤ ᠬᠡᠷᠡᠭᠳᠡᠢ᠃     ᠭᠤᠴᠢᠨ ᠬᠤᠶᠠᠳᠤᠭᠠᠷ ᠵᠦᠢᠯ  ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠶᠢ ᠵᠦᠪᠰᠢᠶᠡᠷᠡᠬᠦᠯᠦᠭᠰᠡᠨ ᠤ ᠲᠠᠷᠠᠭ᠎ᠠ᠂ ᠬᠤᠷᠠᠯ ᠡᠷᠬᠢᠯᠡᠬᠦ ᠴᠠᠭ᠂ ᠭᠠᠵᠠᠷ᠂ ᠬᠡᠪᠴᠢᠶ᠎ᠠ ᠶᠢ ᠲᠤᠷ᠎ᠠ ᠪᠠᠷ ᠢᠶᠠᠨ ᠦᠬᠡᠷᠠᠴᠢᠯᠡᠵᠦ ᠪᠤᠯᠬᠤ ᠦᠬᠡᠢ᠂ ᠦᠨᠡᠨᠬᠦ ᠦᠬᠡᠷᠠᠴᠢᠯᠡᠬᠦ ᠴᠢᠬᠤᠯᠠ ᠲᠠᠢ ᠪᠤᠯ᠂ ᠠᠷᠪᠠᠨ ᠲᠠᠪᠤᠨ ᠠᠵᠢᠯᠯᠠᠬᠤ ᠡᠳᠦᠷ ᠤᠨ ᠡᠮᠦᠨ᠎ᠠ ᠬᠢᠨᠡᠨ ᠵᠦᠪᠰᠢᠶᠠᠷᠡᠬᠦ ᠪᠠᠶᠢᠭᠤᠯᠤᠯᠭ᠎ᠠ ᠳᠤ ᠭᠤᠶᠤᠴᠢᠯᠠᠵᠤ ᠦᠭᠡᠷᠠᠴᠢᠯᠡᠬᠦ ᠭᠠᠷᠳᠠᠮ ᠬᠦᠢᠴᠡᠳᠬᠡᠵᠦ ᠂ ᠵᠦᠪᠰᠢᠶᠠᠷᠡᠭᠰᠡᠨ ᠤ ᠲᠠᠷᠠᠭᠠᠬᠢ ᠬᠤᠶᠡᠷ ᠡᠳᠦᠷ ᠤᠨ ᠲᠤᠳᠤᠷ᠎ᠠ ᠵᠠᠭᠤᠴᠢᠯᠠᠭᠤᠷ ᠢᠶᠠᠷ ᠲᠠᠮᠵᠢᠨ ᠠᠯᠪᠠᠨ ᠵᠠᠷ ᠨᠡᠶᠢᠳᠡᠯᠡᠬᠦ ᠬᠡᠷᠡᠭᠳᠡᠢ᠃     ᠭᠤᠴᠢᠨ ᠭᠤᠷᠪᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠡᠷᠬᠡᠪᠰᠢ ᠤᠯᠤᠰ ᠪᠡ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ ᠪᠡ ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠦ᠂ ᠲᠤᠷ᠎ᠠ ᠪᠠᠷ ᠢᠶᠠᠨ ᠰᠦᠢᠳᠬᠡᠯ ᠬᠤᠷᠢᠶᠠᠬᠤ ᠲᠦᠷᠦᠯ ᠵᠦᠢᠯ ᠨᠡᠮᠡᠭᠳᠡᠬᠦᠯᠵᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭᠡᠭᠰᠢᠯᠡᠬᠦᠯᠵᠦ ᠪᠤᠯᠬᠤ ᠦᠬᠡᠢ᠃          ᠲᠠᠪᠤᠳᠤᠭᠠᠷ ᠪᠦᠯᠦᠭ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ     ᠭᠤᠴᠢᠨ ᠲᠦᠷᠪᠡᠳᠦᠭᠡᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠠᠵᠢᠯᠳᠠᠨ ᠤ ᠶᠠᠪᠤᠳᠠᠯ ᠴᠢᠳᠠᠪᠤᠷᠢᠳᠠᠠ ᠤ ᠤᠯᠡᠨ ᠨᠡᠶᠢᠳᠡ ᠶᠢᠨ ᠤᠢᠢᠯᠡᠴᠢᠯᠡᠭᠡ ᠬᠡᠳᠡᠭ ᠨᠢ ᠵᠠᠰᠠᠭ ᠤᠨ ᠤᠷᠳᠤᠨ ᠠᠴᠠ ᠬᠠᠩᠭᠠᠭᠰᠠᠨ ᠵᠠᠰᠠᠭ ᠵᠠᠬᠢᠷᠭᠠᠨ ᠤ ᠡᠭᠦᠷᠭᠡ ᠴᠢᠳᠠᠪᠬᠢ ᠲᠠᠢ ᠨᠡᠶᠢᠳᠡ ᠶᠢᠨ ᠠᠰᠠᠷᠠᠮᠵᠢ ᠶᠢᠨ ᠴᠢᠨᠡᠷᠳᠡᠢ ᠤᠢᠢᠯᠡᠴᠢᠯᠡᠭᠡ ᠶᠢ ᠵᠢᠭᠠᠵᠤ ᠪᠠᠶᠢᠨ᠎ᠠ᠃      ᠭᠤᠴᠢᠨ ᠲᠠᠪᠤᠳᠤᠭᠠᠷ ᠵᠦᠢᠯ  ᠲᠤᠤᠷᠡᠬᠢ ᠵᠦᠢᠯᠠᠰ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠬᠡᠨ ᠤ ᠬᠡᠪᠴᠢᠶᠡᠨ ᠳᠤ ᠬᠠᠷᠢᠶᠠᠯᠠᠭᠳᠠᠨ᠎ᠠ᠄     ︵ᠨᠢᠬᠡ︶ ᠰᠢᠯᠵᠢᠨ ᠠᠵᠢᠯᠯᠠᠬᠤ ᠴᠢᠳᠠᠪᠤᠷᠢᠳᠠᠨ ᠪᠠ ᠨᠠᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠡᠯ᠎ᠠ ᠵᠦᠢᠯ ᠤᠨ ᠴᠢᠳᠠᠪᠤᠷᠢᠳᠠᠨ ᠤ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠢ ᠬᠠᠮᠢᠶᠠᠷᠬᠤ ᠪᠦᠬᠡᠳ ᠵᠢᠩᠬᠢᠨᠢᠴᠢᠯᠡᠵᠤ ᠲᠡᠰ ᠲᠤᠭᠳᠠᠭᠠᠬᠤ᠂ ᠲᠡᠩᠰᠠ ᠡᠪᠬᠡᠮᠡᠯ ᠴᠠᠯᠢᠩ ᠮᠦᠩᠬᠦ ᠶᠢ ᠲᠤᠬᠢᠷᠠᠭᠤᠯᠬᠤ᠂ ᠭᠠᠳᠠᠭᠠᠳᠤ ᠳᠤ ᠭᠠᠷᠬᠤ ᠤᠯᠤᠰ ᠲᠦᠷᠦ ᠶᠢᠨ ᠬᠢᠨᠠᠨ ᠪᠠᠶᠢᠴᠠᠭᠠᠯᠳᠠ ᠬᠢᠬᠦ᠂ ᠲᠤᠰᠬᠠᠢ ᠮᠡᠷᠭᠡᠵᠢᠯ ᠤᠨ ᠬᠢᠷᠢ ᠬᠡᠮ ᠢ ᠰᠢᠯᠭᠠᠨ ᠦᠨᠡᠯᠡᠬᠦ ᠶᠢ ᠭᠤᠶᠤᠴᠢᠯᠠᠨ ᠮᠡᠳᠡᠭᠦᠯᠬᠦ ᠵᠡᠷᠬᠡ ᠬᠠᠮᠢᠶ᠎ᠠ ᠪᠦᠬᠦᠢ ᠠᠵᠢᠯ ᠢ ᠬᠦᠢᠴᠡᠳᠭᠡᠬᠦ︔     ︵ᠬᠤᠶᠠᠷ︶ ᠰᠢᠯᠵᠢᠨ ᠠᠵᠢᠯᠯᠠᠬᠤ ᠴᠢᠳᠠᠪᠤᠷᠢᠳᠠᠨ ᠤ ᠤᠷᠢᠯᠭ᠎ᠠ ᠶᠢᠨ ᠭᠡᠷ᠎ᠠ ᠶᠢ ᠰᠢᠯᠭᠠᠨ ᠬᠡᠷᠡᠴᠢᠯᠡᠬᠦ ᠶᠢ ᠬᠦᠢᠴᠡᠳᠬᠡᠬᠦ︔     ︵ᠭᠤᠷᠪᠠ︶ ᠰᠢᠯᠵᠢᠨ ᠠᠵᠢᠯᠯᠠᠬᠤ ᠬᠦᠮᠦᠰ ᠤᠨ ᠠᠵᠢᠯᠳᠠᠨ ᠤ ᠶᠠᠪᠤᠳᠠᠯ ᠤᠨ ᠵᠢᠭᠤᠷᠠᠭᠠᠨ ᠢ ᠡᠶᠡᠳᠡᠬᠦᠯᠬᠦ︔     ︵ᠲᠦᠷᠪᠡ︶ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠬᠢ ᠶᠢ ᠪᠦᠷᠢᠳᠬᠡᠬᠦ᠂ ᠨᠡᠶᠢᠳᠡᠯᠡᠬᠦ︔     ︵ᠲᠠᠪᠤ︶ ᠴᠢᠳᠠᠪᠤᠷᠢᠳᠠᠨ ᠳᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢᠨ ᠲᠤᠬᠠᠢ ᠠᠰᠠᠭᠤᠨ ᠯᠠᠪᠯᠠᠭ᠎ᠠ ᠬᠠᠩᠭᠠᠬᠤ᠂ ᠵᠢᠯᠤᠭᠤᠳᠬᠤ᠂ ᠠᠵᠢᠯ ᠤᠯᠬᠤ ᠪᠤᠯᠪᠠᠰᠤᠷᠠᠯ ᠵᠢᠴᠢ ᠬᠦᠯᠢᠶᠡᠨ ᠠᠪᠬᠤ ᠭᠠᠷᠳᠠᠮ ᠬᠦᠢᠴᠡᠳᠬᠡᠬᠦ︔     ︵ᠵᠢᠷᠭᠤᠭ᠎ᠠ︶ ᠨᠡᠶᠢᠳᠡ ᠶᠢᠨ ᠠᠰᠠᠷᠠᠮᠵᠢ ᠶᠢᠨ ᠴᠢᠨᠡᠷᠳᠡᠢ ᠠᠵᠢᠯ ᠤᠯᠭᠤᠬᠤ ᠬᠤᠷᠠᠯ ᠢ ᠵᠤᠬᠢᠶᠠᠨ ᠪᠠᠶᠢᠭᠤᠯᠵᠤ ᠡᠷᠬᠢᠯᠡᠬᠦ︔     ︵ᠲᠤᠯᠤᠭ᠎ᠠ︶ ᠠᠵᠢᠯᠳᠠᠨ ᠤ ᠶᠠᠪᠤᠳᠠᠯ ᠤᠨ ᠵᠠᠰᠠᠭ ᠵᠡᠬᠢᠷᠭᠠᠨ ᠤ ᠰᠠᠯᠠᠭ᠎ᠠ ᠮᠦᠴᠢᠷ ᠤᠨ ᠨᠡᠶᠢᠳᠠᠭᠰᠡᠨ ᠪᠤᠰᠤᠳ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ᠃     ᠭᠤᠴᠢᠨ ᠵᠢᠷᠭᠤᠳᠤᠭᠠᠷ ᠵᠦᠢᠯ  ᠬᠡᠰᠡᠭ ᠠᠵᠢᠯᠳᠠᠠ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ ᠶᠢ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠡᠬᠦᠨ ᠤ ᠬᠠᠷᠢᠶ᠎ᠠ ᠪᠦᠬᠦᠢ ᠴᠢᠳᠠᠪᠤᠷᠢᠳᠠᠨ ᠤ ᠤᠢᠢᠯᠡᠴᠢᠯᠡᠬᠡᠨ ᠤ ᠪᠠᠶᠢᠭᠤᠯᠤᠮᠵᠢ ᠳᠤ ᠨᠠᠶᠢᠳᠠᠵᠤ ᠡᠬᠦᠷᠬᠡᠯᠡᠬᠦᠯᠵᠦ ᠪᠤᠯᠤᠨ᠎ᠠ᠂ ᠪᠠᠰᠠ ᠵᠠᠰᠠᠭ ᠤᠨ ᠤᠷᠳᠤᠠ ᠤ ᠢᠯᠠ ᠪᠠᠷ ᠬᠤᠳᠠᠯᠳᠤᠠ ᠠᠪᠬᠤ ᠬᠡᠯᠪᠡᠷᠢ ᠪᠠᠷ ᠨᠠᠶᠢᠬᠡᠮ ᠤᠨ ᠴᠢᠳᠠᠪᠤᠷᠢᠳᠠᠠ ᠤ ᠵᠠᠭᠤᠴᠢ ᠦᠢᠯᠡᠴᠢᠯᠡᠬᠡᠡ ᠤ ᠪᠠᠶᠢᠭᠤᠯᠤᠮᠵᠢ ᠪᠠᠷ ᠡᠬᠦᠷᠬᠡᠯᠡᠬᠦᠯᠵᠥ ᠪᠤᠯᠤᠨ᠎ᠠ᠃     ᠭᠤᠴᠢᠨ ᠲᠤᠯᠤᠳᠤᠭᠠᠷ ᠵᠦᠢᠯ  ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ ᠠᠰᠢᠭ ᠬᠤᠨᠵᠢᠪᠤᠷᠢ ᠣᠯᠬᠤ ᠪᠠᠷ ᠵᠤᠷᠢᠯᠭ᠎ᠠ ᠪᠤᠯᠭᠠᠵᠤ ᠪᠤᠯᠬᠤ ᠦᠬᠡᠢ᠃ ᠦᠨᠡᠨᠬᠦ ᠰᠦᠢᠳᠬᠡᠯ ᠬᠤᠷᠢᠶᠠᠬᠤ ᠴᠢᠬᠤᠯᠡ ᠎ ᠲᠠᠢ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠦᠢᠳᠬᠡᠯ ᠬᠤᠷᠢᠶᠠᠬᠤ ᠪᠠᠷᠢᠮᠵᠢᠶ᠎ᠠ ᠲᠤᠷᠡᠳᠤᠨ ᠦᠪᠡᠷᠳᠡᠭᠡᠨ ᠵᠠᠰᠠᠬᠤ ᠤᠷᠤᠨ ᠤ ᠦᠨ᠎ᠠ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠵᠦ ᠬᠢᠨᠡᠨ ᠵᠦᠪᠰᠢᠶᠡᠷᠡᠭᠦᠯᠬᠦ ᠬᠡᠷᠡᠭᠳᠡᠢ᠃          ᠵᠢᠷᠭᠤᠳᠤᠭᠠᠷ ᠪᠦᠯᠦᠭ ᠬᠢᠨᠠᠯᠳᠠ ᠲᠠᠯᠪᠢᠨ ᠪᠠᠶᠢᠴᠠᠭᠠᠬᠤ      ᠭᠤᠴᠢᠨ ᠨᠠᠢᠮᠠᠳᠤᠭᠠᠷ ᠵᠦᠢᠯ  ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠳᠤ ᠬᠢᠨᠠᠯᠳᠠ ᠲᠠᠯᠪᠢᠬᠤ ᠲᠤᠭᠳᠠᠭᠠᠯ ᠢ ᠪᠠᠶᠢᠭᠤᠯᠤᠨ ᠲᠡᠬᠦᠯᠳᠡᠷᠵᠢᠬᠦᠯᠵᠦ᠂ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠶᠢᠨ ᠡᠷᠬᠢᠯᠡᠭᠰᠡᠨ ᠠᠵᠢᠯᠯᠠᠭ᠎ᠠ ᠪᠠ ᠬᠦᠮᠦᠨ ᠬᠡᠷᠡᠭᠯᠡᠬᠦ ᠨᠢᠬᠡᠴᠡ ᠶᠢᠨ ᠤᠷᠢᠯᠭ᠎ᠠ ᠶᠢᠨ ᠠᠵᠢᠯᠯᠠᠭ᠎ᠠ ᠳᠤ ᠬᠢᠨᠠᠯᠳᠠ ᠲᠠᠯᠪᠢᠬᠤ ᠬᠡᠷᠡᠭᠳᠡᠢ᠃     ᠭᠤᠴᠢ ᠶᠢᠰᠦᠳᠦᠭᠡᠷ ᠵᠦᠢᠯ ᠶᠠᠮᠠᠷᠪᠠ ᠨᠢᠬᠡᠴᠡ ᠪᠡ ᠬᠤᠪᠢ ᠬᠦᠮᠦᠨ ᠲᠤᠬᠠᠢ ᠶᠢᠨ ᠭᠠᠵᠠᠷ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠠᠵᠢᠯᠯᠠᠭ᠎ᠠ ᠲᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠦ ᠪᠤᠯᠤᠨ᠎ᠠ᠃ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠴᠠᠭ ᠲᠤᠬᠠᠢ ᠳᠤᠨᠢ ᠪᠠᠶᠢᠴᠠᠭᠠᠨ ᠲᠤᠳᠤᠯᠠᠵᠤ᠂ ᠬᠠᠤᠯᠢ ᠶᠤᠰᠤᠭᠠᠷ ᠰᠢᠢᠳᠪᠦᠷᠢᠯᠡᠬᠦ ᠬᠡᠷᠡᠭᠳᠡᠢ᠃      ᠲᠦᠴᠢᠳᠦᠭᠡᠷ ᠵᠦᠢᠯ ᠠᠷᠠᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠴᠢᠳᠠᠪᠤᠷᠢᠳᠠᠨ ᠤ ᠵᠠᠬ᠎ᠠ ᠲᠡᠯᠭᠡᠬᠦᠷ ᠤᠨ ᠠᠵᠢᠯᠯᠠᠭ᠎ᠠ ᠳᠤ ᠲᠦᠪ ᠭᠤᠤᠯᠴᠢ ᠪᠠᠷ᠂ ᠢᠯᠡ ᠪᠠᠷ ᠬᠢᠨᠠᠯᠳᠠ ᠲᠠᠯᠪᠢᠬᠤ ᠬᠡᠷᠡᠭᠳᠡᠢ᠂ ᠲᠤᠬᠢᠶᠠᠯ ᠢ ᠲᠠᠯᠢᠮᠳᠠᠭᠤᠯᠤᠨ ᠨᠡᠭᠡᠨ ᠠᠪᠬᠤ ᠪᠤᠶᠤ ᠡᠳ᠋ ᠪᠤᠳᠠᠰ ᠬᠦᠯᠢᠶᠠᠠ ᠠᠪᠬᠤ ᠪᠠ ᠪᠤᠰᠤᠳ ᠠᠰᠢᠭ ᠲᠤᠰᠠ ᠤᠯᠵᠤ ᠪᠤᠯᠬᠤ ᠦᠬᠡᠢ᠃          ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ     ᠲᠦᠴᠢᠨ ᠨᠢᠬᠡᠳᠦᠬᠡᠷ ᠵᠦᠢᠯ  ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠠᠷᠡᠬᠦᠯᠦᠭᠰᠡᠨ ᠦᠬᠡᠢ ᠪᠠᠷ ᠲᠤᠷ᠎ᠠ ᠪᠠᠷ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠪᠤᠶᠤ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠠᠵᠢᠯᠯᠠᠭ᠎ᠠ ᠡᠷᠬᠢᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠵᠠᠷᠯᠢᠭᠳᠠᠨ ᠵᠤᠭᠰᠤᠭᠠᠯᠭᠠᠨ᠎ᠠ︔ ᠬᠠᠤᠯᠢ ᠪᠤᠰᠤ ᠤᠯᠵᠠᠪᠤᠷᠢ ᠲᠠᠢ ᠪᠤᠯ ᠬᠠᠤᠯᠢ ᠪᠤᠰᠤ ᠤᠯᠵᠠᠪᠤᠷᠢ ᠶᠢ ᠨᠢ ᠬᠤᠷᠢᠶᠠᠬᠤ ᠪᠦᠭᠡᠳ ᠪᠠᠶᠢᠳᠠᠯ ᠢ ᠦᠵᠡᠵᠦ᠂ ᠬᠠᠤᠯᠢ ᠪᠤᠰᠤ ᠤᠯᠵᠠᠪᠤᠷᠢ ᠶᠢᠨ ᠨᠢᠬᠡ ᠠᠴᠠ ᠭᠤᠷᠪᠠᠨ ᠲᠠᠬᠢᠨ ᠢᠶᠠᠷ ᠲᠤᠷᠭᠠᠨ᠎ᠠ᠃     ᠲᠦᠴᠢᠨ ᠬᠤᠶᠠᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠢᠨᠠᠨ ᠵᠦᠪᠰᠢᠶᠡᠷᠡᠭᠰᠡᠨ ᠠᠵᠢᠯ ᠡᠷᠬᠢᠯᠡᠬᠦ ᠬᠡᠪᠴᠢᠶ᠎ᠠ ᠠᠴᠠ ᠪᠠᠨ ᠬᠡᠳᠦᠷᠡᠨ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠠᠵᠢᠯᠯᠠᠭ᠎ᠠ ᠡᠷᠬᠢᠯᠡᠬᠦ ᠪᠤᠶᠤ ᠲᠤᠭᠳᠠᠭᠠᠯ ᠶᠤᠰᠤᠭᠠᠷ ᠦᠬᠡᠷᠠᠴᠢᠯᠡᠬᠦ ᠭᠠᠷᠳᠡᠮ ᠬᠦᠢᠴᠡᠳᠭᠡᠭᠰᠡᠨ ᠦᠬᠡᠢ ᠪᠤᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠪᠡᠯ᠂ ᠬᠢᠨᠡᠨ ᠵᠦᠪᠰᠢᠶᠡᠷᠡᠭᠦ ᠪᠠᠶᠢᠭᠤᠯᠤᠯᠭ᠎ᠠ ᠠᠴᠠ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠬᠡᠢ ᠪᠤᠯᠭᠠᠨ᠎ᠠ᠃     ᠲᠦᠴᠢᠨ ᠭᠤᠷᠪᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠠᠶᠢᠳᠠᠯᠭ᠎ᠠ ᠦᠬᠡᠢ ᠪᠠᠷ ᠰᠢᠯᠵᠢᠨ ᠠᠵᠢᠯᠯᠠᠬᠤ ᠴᠢᠳᠠᠪᠤᠷᠢᠳᠠᠨ ᠤ ᠠᠵᠢᠯᠳᠠᠨ ᠤ ᠶᠠᠪᠤᠳᠠᠯ ᠤᠨ ᠲᠠᠩᠰᠡ ᠡᠪᠬᠡᠮᠡᠯ ᠢ ᠲᠤᠷ᠎ᠠ ᠪᠠᠷ ᠢᠶᠠᠨ ᠬᠠᠮᠢᠶᠠᠷᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠲᠡᠬᠦᠨ ᠢ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠎ ᠲᠤ ᠬᠠᠷᠢᠶᠠᠯᠠᠭᠳᠠᠬᠤ ᠴᠢᠳᠠᠪᠤᠷᠢᠳᠠᠨ ᠰᠤᠯᠢᠯᠴᠠᠬᠤ ᠪᠠᠶᠢᠭᠤᠯᠤᠮᠵᠢ ᠳᠤ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠢ ᠲᠤᠰᠢᠶᠠᠯᠭᠠᠬᠤ ᠪᠠᠷ ᠵᠠᠷᠯᠢᠭᠳᠠᠵᠤ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠤᠨ᠎ᠠ︔ ᠪᠠᠶᠢᠳᠠᠯ ᠨᠢ ᠬᠦᠨᠳᠦ ᠨᠤᠴᠢᠳᠠᠢ ᠪᠤᠯ ᠵᠠᠷᠯᠢᠭᠳᠠᠨ ᠴᠡᠭᠴᠡᠯᠡᠬᠦᠯᠬᠦ ᠪᠤᠶᠤ ᠬᠢᠨᠠᠨ ᠵᠦᠪᠰᠢᠶᠠᠷᠡᠬᠦ ᠪᠠᠶᠢᠭᠤᠯᠤᠯᠭ᠎ᠠ ᠠᠴᠠ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾᠎ ᠢ ᠨᠢ ᠬᠤᠷᠢᠶᠠᠨ ᠠᠪᠴᠤ ᠬᠦᠴᠦᠨ ᠦᠬᠡᠢ ᠪᠤᠯᠭᠠᠨ᠎ᠠ᠃     ᠲᠦᠴᠢᠨ ᠲᠦᠷᠪᠡᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠲᠤᠷ᠎ᠠ ᠪᠠᠷ ᠎ ᠢᠶᠠᠨ ᠰᠦᠢᠳᠬᠡᠯ ᠬᠤᠷᠢᠶᠠᠬᠤ ᠲᠦᠷᠦᠯ ᠵᠦᠢᠯ ᠨᠡᠮᠡᠭᠳᠡᠭᠦᠯᠬᠦ ᠪᠤᠶᠤ ᠰᠦᠢᠳᠬᠡᠯ ᠬᠤᠷᠢᠶᠠᠬᠤ ᠪᠡᠷᠢᠮᠵᠢᠶ᠎ᠠ ᠶᠢ ᠳᠡᠭᠡᠭᠰᠢᠯᠡᠭᠦᠯᠪᠡᠯ᠂ ᠦᠨ᠎ᠠ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ ᠰᠢᠢᠳᠪᠦᠷᠢᠯᠡᠨ᠎ᠠ᠃     ᠲᠦᠴᠢᠨ ᠲᠠᠪᠤᠳᠤᠭᠠᠷ ᠵᠦᠢᠯ  ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠬᠤᠳᠠᠯ ᠬᠠᠭᠤᠷᠮᠠᠭ ᠮᠡᠳᠡᠭᠡ ᠵᠠᠩᠬᠢ ᠬᠠᠩᠭᠠᠬᠤ ᠪᠤᠶᠤ ᠬᠤᠳᠠᠯ ᠬᠠᠭᠤᠷᠮᠠᠭ ᠢᠶᠠᠷ ᠠᠮᠠᠯᠳᠠᠬᠤ ᠵᠢᠴᠢ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠪᠡ ᠬᠠᠮᠢᠶ᠎ᠠ ᠪᠦᠬᠦᠢ ᠦᠨᠡᠮᠯᠡᠯ ᠢ ᠬᠤᠳᠠᠯ ᠢᠶᠠᠷ ᠵᠤᠬᠢᠶᠠᠬᠤ᠂ ᠪᠠᠯᠠᠯᠤᠨ ᠦᠬᠡᠷᠠᠴᠢᠯᠡᠬᠦ᠂ ᠵᠢᠬᠡᠯᠡᠨ ᠬᠡᠷᠡᠭᠯᠡᠬᠦᠯᠬᠦ᠂ ᠲᠦᠷᠢᠶᠡᠰᠦᠯᠠᠬᠦ᠂ ᠰᠢᠯᠵᠢᠬᠦᠯᠦᠨ ᠦᠭᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ ᠨᠤᠴᠢᠳᠠᠢ ᠪᠤᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠠ ᠤ ᠰᠠᠯᠠᠭ᠎ᠠ ᠮᠦᠴᠢᠷ ᠠᠴᠠ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾᠎ ᠢ ᠨᠢ ᠬᠤᠷᠢᠶᠠᠨ ᠠᠪᠴᠦ ᠬᠦᠴᠦᠨ ᠦᠬᠡᠢ ᠪᠤᠯᠭᠠᠨ᠎ᠠ᠃     ᠲᠦᠴᠢᠨ ᠵᠢᠷᠭᠤᠳᠤᠭᠠᠷ ᠵᠦᠢᠯ ᠵᠦᠪᠰᠢᠶᠡᠷᠡᠯ ᠦᠬᠡᠢ ᠪᠠᠷ ᠲᠤᠷ᠎ᠠ ᠪᠠᠷ ᠢᠶᠠᠨ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠤᠭᠰᠤᠭᠠᠯᠭᠠᠵᠤ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠤᠨ᠎ᠠ᠃ ᠵᠦᠪᠰᠢᠶᠡᠷᠡᠯ ᠦᠬᠡᠢ ᠪᠠᠷ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠤᠨ ᠴᠠᠭ᠂ ᠭᠠᠵᠡᠷ᠂ ᠬᠡᠪᠴᠢᠶ᠎ᠠ ᠶᠢ ᠲᠤᠷ᠎ᠠ ᠎ ᠪᠠᠷ ᠬᠦᠴᠦᠨ ᠦᠬᠡᠢ ᠪᠤᠯᠭᠠᠵᠤ ᠬᠤᠪᠢᠷᠠᠭᠤᠯᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠦᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠡᠷᠡᠮᠵᠢᠯᠡᠬᠦᠯᠵᠦ᠂ ᠬᠦᠨᠳᠤ ᠨᠤᠴᠢᠳᠠᠢ ᠦᠷ᠎ᠠ ᠳ᠋ᠦ᠋ᠩ ᠭᠠᠷᠭᠠᠪᠠᠯ 10000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃     ᠲᠦᠴᠢᠨ ᠲᠤᠯᠤᠳᠤᠭᠠᠷ ᠵᠦᠢᠯ  ᠬᠦᠮᠦᠨ ᠬᠡᠷᠡᠭᠯᠡᠬᠦ ᠨᠢᠬᠡᠴᠡ ᠲᠦᠪ ᠪᠤᠰᠤ ᠠᠷᠭ᠎ᠠ ᠪᠠᠷᠢᠯ ᠢᠶᠠᠷ ᠴᠢᠳᠠᠪᠤᠷᠢᠳᠠᠨ ᠤᠷᠢᠬᠤ ᠪᠤᠶᠤ ᠤᠷᠢᠬᠤ ᠨᠡᠷ᠎ᠠ ᠪᠠᠷ ᠤᠷᠢᠭᠳᠠᠭᠴᠢ ᠠᠴᠠ ᠰᠦᠢᠳᠬᠡᠯ ᠬᠤᠷᠢᠶᠠᠪᠠᠯ᠂ ᠬᠤᠰᠢᠭᠤ ᠰᠢᠶᠠᠨ ᠤ ᠱᠠᠳᠤᠨ ᠎ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠠᠤᠯᠢ ᠪᠤᠰᠤ ᠠᠵᠢᠯᠯᠠᠭ᠎ᠠ ᠶᠢ ᠨᠢ ᠵᠤᠭᠰᠤᠭᠠᠯᠭᠠᠵᠤ᠂ ᠬᠤᠷᠢᠶᠠᠭᠰᠠᠨ ᠰᠦᠢᠳᠬᠡᠯ ᠢ ᠨᠢ ᠪᠤᠴᠠᠭᠠᠯᠭᠠᠬᠤ ᠬᠡᠷᠡᠭᠳᠡᠢ︔ ᠬᠠᠤᠯᠢ ᠪᠤᠰᠤ ᠤᠯᠵᠠᠪᠤᠷᠢ ᠲᠠᠢ ᠪᠤᠯ ᠬᠤᠷᠢᠶᠠᠨ ᠠᠪᠤᠨ᠎ᠠ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠠ᠃     ᠲᠦᠴᠢᠨ ᠨᠠᠢᠮᠠᠳᠤᠭᠠᠷ ᠵᠦᠢᠯ  ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠤᠨ ᠲᠤᠭᠳᠠᠭᠠᠯ ᠠᠴᠠ ᠵᠦᠷᠢᠴᠡᠪᠡᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠬᠤᠭᠤᠴᠠᠭ᠎ᠠ ᠬᠢᠵᠠᠭᠠᠷᠯᠠᠨ ᠬᠦᠢᠴᠡᠳᠬᠡᠯᠬᠡᠨ᠎ᠠ︔ ᠬᠤᠭᠤᠴᠠᠭ᠎ᠠ ᠠᠴᠠ ᠬᠡᠳᠦᠷᠡᠨ ᠬᠦᠢᠴᠡᠳᠭᠡᠬᠦ ᠦᠬᠡᠢ ᠪᠤᠯ ᠭᠤᠤᠯ ᠬᠠᠷᠢᠭᠤᠴᠠᠯᠭᠠᠳᠠᠨ ᠪᠠ ᠰᠢᠭᠤᠳ ᠬᠠᠷᠢᠭᠤᠴᠠᠯᠭᠠᠳᠠᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠠ︔ ᠰᠢᠯᠵᠢᠬᠦ ᠴᠢᠳᠠᠪᠤᠷᠢᠳᠠᠨ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠤᠯ ᠵᠤᠬᠢᠴᠠᠩᠭᠤᠢ ᠢᠷᠬᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃     ᠲᠦᠴᠢ ᠶᠢᠰᠦᠳᠦᠭᠡᠷ ᠵᠦᠢᠯ  ᠬᠤᠪᠢ ᠬᠦᠮᠦᠨ ᠬᠤᠳᠠᠯ ᠰᠤᠷᠤᠯᠭ᠎ᠠ ᠶᠢᠨ ᠨᠠᠮᠳᠠᠷ᠂ ᠬᠠᠭᠤᠷᠮᠠᠭ ᠲᠠᠩᠰᠠ ᠡᠪᠬᠡᠮᠡᠯ᠂ ᠬᠠᠭᠤᠷᠮᠠᠭ ᠲᠤᠰᠬᠠᠢ ᠮᠡᠷᠭᠡᠵᠢᠯ ᠤᠨ ᠬᠢᠷᠢ ᠬᠡᠮ ᠵᠡᠷᠬᠡ ᠬᠤᠳᠠᠯ ᠬᠠᠭᠤᠷᠮᠠᠭ ᠮᠡᠳᠡᠭᠡ ᠵᠠᠩᠬᠢ ᠪᠠᠷ ᠬᠦᠮᠦᠨ ᠬᠡᠷᠡᠭᠯᠡᠬᠦ ᠨᠢᠬᠡᠴᠡ ᠳᠤ ᠤᠷᠢᠭᠳᠠᠭᠰᠠᠨ ᠢ ᠬᠦᠮᠦᠨ ᠬᠡᠷᠡᠭᠯᠡᠬᠦ ᠨᠢᠬᠡᠴᠡ ᠮᠡᠳᠡᠭᠰᠡᠨ ᠤ ᠰᠡᠬᠦᠯᠡᠷ ᠤᠷᠢᠨ ᠬᠡᠷᠡᠭᠯᠡᠬᠦ ᠬᠠᠷᠢᠴᠠᠭ᠎ᠠ ᠪᠠᠨ ᠬᠦᠴᠦᠨ ᠦᠬᠡᠢ ᠪᠤᠯᠭᠠᠵᠤ᠂ ᠭᠡᠷ᠎ᠠ ᠠᠴᠠ ᠵᠦᠷᠢᠴᠡᠭᠰᠡᠨ ᠬᠠᠷᠢᠭᠤᠴᠠᠯᠭ᠎ᠠ ᠡᠬᠦᠷᠬᠡᠯᠡᠬᠦ ᠦᠬᠡᠢ ᠪᠠᠶᠢᠵᠤ ᠪᠤᠯᠤᠨ᠎ᠠ︔ ᠬᠤᠪᠢ ᠬᠦᠮᠦᠨ ᠬᠦᠮᠦᠠ ᠬᠡᠷᠡᠭᠯᠡᠬᠦ ᠨᠢᠬᠡᠴᠡ ᠳᠤ ᠬᠤᠬᠢᠷᠠᠯ ᠤᠴᠠᠷᠠᠭᠤᠯᠤᠭᠰᠠᠨ ᠪᠤᠯ ᠵᠤᠬᠢᠴᠠᠩᠭᠤᠢ ᠢᠷᠬᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃     ᠲᠠᠪᠢᠳᠤᠭᠠᠷ ᠵᠦᠢᠯ  ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠤᠶᠤ ᠪᠤᠰᠤᠳ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠪᠠᠶᠢᠳᠠᠯ ᠲᠠᠢ ᠪᠤᠯ᠂ ᠭᠤᠤᠯ ᠬᠠᠮᠢᠶᠠᠷᠴᠤ ᠪᠠᠶᠢᠭ᠎ᠠ ᠬᠦᠮᠦᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠠᠴᠠ ᠬᠠᠤᠯᠢ ᠶᠤᠰᠤᠭᠠᠷ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠠ︔ ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠤᠯ ᠬᠠᠤᠯᠢ ᠶᠤᠰᠤᠭᠠᠷ ᠲᠦᠯᠦᠭᠦᠯᠬᠦ ᠬᠡᠷᠡᠭᠳᠡᠢ︔ ᠶᠠᠯ᠎ᠠ ᠳᠤ ᠬᠦᠷᠦᠭᠰᠡᠨ ᠪᠠᠶᠢᠪᠡᠯ ᠬᠠᠤᠯᠢ ᠶᠤᠰᠤᠭᠠᠷ ᠡᠷᠡᠬᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠠ᠄     ︵ᠨᠢᠬᠡ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾᠎ ᠢ ᠲᠤᠭᠳᠠᠭᠠᠯ ᠶᠤᠰᠤᠭᠠᠷ ᠦᠯᠦ ᠬᠢᠨᠠᠨ ᠲᠠᠷᠬᠠᠭᠠᠭᠰᠠᠨ︔     ︵ᠬᠤᠶᠠᠷ︶ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠶᠢ ᠰᠢᠯᠳᠠᠭᠠᠨ ᠦᠬᠡᠢ ᠪᠠᠷ ᠵᠦᠪᠰᠢᠶᠡᠷᠡᠭᠰᠡᠨ ᠦᠬᠡᠢ ᠠᠴᠠ ᠪᠤᠯᠵᠤ᠂ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠤᠨ  ᠡᠩ ᠤᠨ ᠶᠤᠰᠤᠭᠠᠷ ᠶᠠᠪᠤᠭᠳᠠᠬᠤ ᠶᠢ ᠨᠦᠯᠦᠬᠡᠯᠡᠭᠰᠡᠨ︔      ︵ᠭᠤᠷᠪᠡ︶ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠡᠷᠬᠢᠯᠡᠬᠦ ᠶᠢ ᠬᠢᠨᠡᠠ ᠪᠠᠶᠢᠴᠠᠭᠠᠬᠤ ᠲᠤᠰᠢᠶᠠᠯ ᠬᠠᠷᠢᠭᠤᠴᠠᠯᠭ᠎ᠠ ᠪᠠᠨ ᠬᠡᠷᠡᠭᠵᠢᠬᠦᠯᠦᠭᠰᠡᠨ ᠦᠬᠡᠢ ᠠᠴᠠ ᠪᠤᠯᠵᠤ ᠮᠠᠭᠤ ᠦᠷ᠎ᠠ ᠳ᠋ᠦᠩ ᠭᠠᠷᠭᠠᠭᠰᠠᠨ︔     ︵ᠲᠦᠷᠪᠡ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠦ᠂ ᠡᠷᠬᠡ ᠪᠠᠨ ᠠᠰᠢᠭᠯᠠᠨ ᠠᠮᠢ ᠪᠠᠨ ᠪᠤᠷᠳᠤᠵᠤ᠂ ᠲᠤᠬᠠᠢ ᠶᠢᠨ ᠬᠦᠮᠦᠨ᠂ ᠬᠦᠮᠦᠨ ᠬᠡᠷᠡᠭᠯᠡᠬᠦ ᠨᠢᠬᠡᠴᠡ ᠪᠤᠶᠤ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ᠃          ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ     ᠲᠠᠪᠢᠨ ᠨᠢᠬᠡᠳᠦᠭᠡᠷ ᠵᠦᠢᠯ  ᠲᠤᠰ ᠲᠦᠷᠢᠮ ᠢ 2008 ᠤᠨ ᠤ 2 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠬᠦᠯᠦᠨ᠎ᠠ︔ 2000 ᠤᠨ ᠤ 12 ᠰᠠᠷ᠎ᠠ ᠶᠢᠨ 12᠎ ᠤᠨ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠳᠤᠭᠠᠷ ᠬᠤᠷᠡᠯ ᠠᠴᠠ ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢᠨ ᠲᠦᠷᠢᠮ︾᠎ ᠢ ᠬᠠᠮᠳᠤ ᠳᠤᠨᠢ ᠬᠦᠴᠦᠨ ᠦᠬᠡᠢ ᠪᠤᠯᠭᠠᠨ᠎ᠠ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号