| | ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠵᠠᠷᠯᠢᠭ | ︽ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠮᠤ ᠪᠤᠳᠠᠭ᠎ᠠ ᠶᠢᠨ ᠬᠦᠢᠯᠬᠡᠬᠡ ᠶᠢᠨ | ᠬᠠᠮᠢᠶᠠᠷᠤᠯᠳᠠ ᠶᠢᠨ ᠠᠷᠭ᠎ᠠ︾ ᠶᠢ 2009 ᠤᠨ ᠤ 1 ᠰᠠᠷ᠎ᠠ ᠶᠢᠨ 22 ᠤᠨ ᠡᠳᠤᠷ ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ | ᠪᠠᠳᠤᠯᠠᠪᠠ᠂ ᠤᠳᠤ ᠤᠯᠠᠨ᠎ᠠ ᠨᠡᠶᠢᠳᠡᠯᠡᠵᠤ 2009 ᠤᠨ ᠤ 5 ᠰᠠᠷ᠎ᠠ ᠶᠢᠨ 1 ᠤ ᠡᠳᠤᠷ ᠠᠴᠠ ᠡᠬᠢᠯᠡᠡ | ᠬᠡᠷᠡᠭᠵᠢᠬᠦᠯᠦᠨ᠎ᠠ᠃ | ᠦᠪᠡᠷᠳᠡᠬᠡᠨ ᠵᠠᠰᠠᠬᠤ ᠤᠷᠤᠨ ᠤ ᠲᠡᠷᠢᠬᠦᠯᠡᠭᠴᠢ ᠪᠠᠭᠠᠳᠤᠷ | 2009 ᠤᠨ ᠤ 2 ᠰᠠᠷ᠎ᠠ ᠶᠢᠨ 10 ᠤ ᠡᠳᠤᠷ | ᠨᠢᠬᠡᠳᠤᠬᠡᠷ ᠪᠦᠯᠦᠭ ᠶᠡᠷᠦᠩᠬᠡᠢ ᠲᠦᠷᠢᠮ | ᠨᠢᠬᠡᠳᠤᠬᠡᠷ ᠵᠥᠢᠯ ᠠᠮᠤ ᠪᠤᠳᠠᠭ᠎ᠠ ᠶᠢᠨ ᠬᠦᠢᠯᠬᠡᠬᠡ ᠶᠢᠨ ᠡᠮᠬᠢ ᠲᠢᠩᠯᠢᠮ ᠢ ᠲᠦᠷᠢᠮᠵᠢᠬᠦᠯᠦᠨ ᠠᠮᠤ ᠪᠤᠳᠠᠭ᠎ᠠ | ᠦᠢᠯᠡᠳᠪᠤᠷᠢᠯᠡᠭᠴᠢᠳ᠂ ᠡᠵᠡᠩᠨᠡᠭᠴᠢᠳ ᠪᠠ ᠪᠤᠷᠤᠯᠠᠭᠤᠯᠤᠭᠴᠢᠳ ᠤᠨ ᠬᠠᠤᠯᠢ ᠶᠤᠰᠤᠨ ᠤ ᠡᠷᠬᠡ ᠠᠰᠢᠭ ᠢ | ᠬᠠᠮᠠᠭᠠᠯᠠᠵᠤ᠂ ᠠᠮᠤ ᠪᠤᠳᠠᠭ᠎ᠠ ᠶᠢᠨ ᠠᠮᠤᠷ ᠲᠦᠪᠰᠢᠨ ᠢ ᠪᠠᠳᠤᠯᠠᠬᠤ ᠶᠢᠨ ᠲᠦᠯᠦᠬᠡ ᠲᠦᠷᠦ ᠶᠢᠨ ᠶᠠᠪᠤᠳᠠᠯ ᠤᠨ | ᠬᠤᠷᠢᠶ᠎ᠠ ᠶᠢᠨ ︽ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠳᠠ ᠶᠢᠨ ᠠᠷᠭ᠎ᠠ︾ ᠵᠢᠴᠢ ᠬᠠᠮᠢᠶ᠎ᠠ ᠪᠦᠬᠦᠢ ᠬᠠᠤᠯᠢ | ᠴᠠᠭᠠᠵᠠ᠂ ᠬᠠᠤᠯᠢ ᠲᠦᠷᠢᠮ ᠢ ᠦᠨᠳᠤᠰᠤᠯᠡᠵᠤ᠂ ᠦᠪᠡᠷᠳᠡᠬᠡᠨ ᠵᠠᠰᠠᠬᠤ ᠤᠷᠤᠨ ᠤ ᠪᠤᠳᠠᠳᠠᠢ ᠲᠠᠢ ᠤᠶᠠᠯᠳᠤᠭᠤᠯᠤᠨ | ᠲᠤᠰ ᠠᠷᠭ᠎ᠠ ᠶᠢ ᠲᠤᠭᠳᠠᠭᠠᠪᠠ᠃ | ᠬᠤᠶᠠᠳᠤᠭᠠᠷ ᠵᠥᠢᠯ ᠦᠪᠡᠷᠳᠡᠬᠡᠨ ᠵᠠᠰᠠᠬᠤ ᠤᠷᠤᠨ ᠤ ᠵᠠᠰᠠᠭ ᠵᠠᠬᠢᠷᠭ᠎ᠠ ᠶᠢᠨ ᠭᠠᠵᠠᠷ ᠤᠷᠤᠨ ᠤ ᠲᠤᠳᠤᠷ᠎ᠠ | ᠠᠮᠤ ᠪᠤᠳᠠᠭ᠎ᠠ ᠬᠤᠳᠠᠯᠳᠤᠨ ᠠᠪᠬᠤ᠂ ᠪᠤᠷᠤᠯᠠᠭᠤᠯᠬᠤ᠂ ᠬᠠᠳᠠᠭᠠᠯᠠᠬᠤ᠂ ᠵᠦᠬᠡᠬᠡᠪᠤᠷᠢᠯᠡᠬᠦ᠂ ᠡᠳ᠋ᠰᠢᠬᠦᠯᠬᠦ᠂ | ᠬᠤᠪᠢᠷᠠᠭᠤᠯᠬᠤ᠂ ᠭᠠᠳᠠᠭᠠᠳᠤ ᠠᠴᠠ ᠤᠷᠤᠭᠤᠯᠤᠨ ᠭᠠᠳᠠᠭᠠᠳᠤ ᠳᠤ ᠭᠠᠷᠭᠠᠬᠤ ᠵᠡᠷᠬᠡ ᠡᠵᠡᠩᠨᠡᠯᠳᠡ ᠶᠢᠨ ᠠᠵᠢᠯᠯᠠᠭ᠎ᠠ | ︵ᠲᠤᠤᠷ᠎ᠠ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠬᠡᠵᠤ ᠨᠢᠬᠡᠳᠤᠯᠳᠠᠢ ᠨᠡᠷᠡᠶᠢᠳᠤᠨᠠ︶ ᠶᠢ ᠡᠷᠬᠢᠯᠡᠵᠤ ᠪᠠᠶᠢᠭ᠎ᠠ | ᠬᠦᠮᠦᠰ ᠲᠤᠰ ᠠᠷᠭ᠎ᠠ ᠶᠢ ᠵᠢᠷᠤᠮᠯᠠᠬᠤ ᠬᠡᠷᠡᠭᠳᠠᠢ᠃ | ᠭᠤᠷᠪᠠᠳᠤᠭᠠᠷ ᠵᠥᠢᠯ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠳᠤ ᠰᠠᠶᠢᠨ ᠲᠤᠷ᠎ᠠ ᠠᠴᠠ ᠪᠠᠨ᠂ ᠡᠷᠬᠡ ᠲᠡᠭᠰᠢ᠂ | ᠦᠨᠡᠨᠴᠢ ᠢᠳᠡᠬᠡᠯ ᠲᠠᠢ ᠪᠠᠶᠢᠬᠤ ᠵᠠᠷᠴᠢᠮ ᠢ ᠵᠢᠷᠦᠮᠯᠡᠵᠤ᠂ ᠦᠢᠯᠡᠳᠪᠤᠷᠢᠯᠡᠭᠴᠢᠳ᠂ ᠪᠤᠷᠤᠯᠠᠭᠤᠯᠤᠭᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ ᠦᠬᠡᠢ᠂ ᠤᠯᠤᠰ ᠤᠷᠤᠨ ᠤ ᠠᠰᠢᠭ ᠲᠤᠰᠠ ᠪᠠ ᠨᠡᠶᠢᠬᠡᠮ | ᠨᠡᠶᠢᠳᠡ ᠶᠢᠨ ᠠᠰᠢᠭ ᠲᠤᠰᠠ ᠶᠢ ᠬᠤᠬᠢᠷᠠᠭᠤᠯᠵᠤ ᠪᠤᠯᠬᠤ ᠦᠬᠡᠢ᠃ | ᠲᠦᠷᠪᠡᠳᠤᠬᠡᠷ ᠵᠥᠢᠯ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤᠯᠤᠰ ᠤᠨ | ᠬᠤᠷᠸ᠎ᠠ ᠲᠤᠬᠢᠷᠠᠭᠤᠯᠭ᠎ᠠ ᠡᠵᠡᠮᠰᠢᠯ ᠲᠤᠤᠷ᠎ᠠ ᠠᠮᠤ ᠪᠤᠳᠠᠭ᠎ᠠ ᠶᠢᠨ ᠠᠵᠢᠯ ᠢ ᠦᠪᠡᠷᠳᠡᠬᠡᠨ ᠵᠠᠰᠠᠬᠤ ᠤᠷᠤᠨ ᠤ | ᠲᠡᠷᠢᠬᠦᠯᠡᠭᠴᠢ ᠬᠠᠷᠢᠭᠤᠴᠠᠬᠤ ᠱᠠᠭᠠᠷᠳᠠᠯᠭ᠎ᠠ ᠶᠢ ᠦᠨᠳᠤᠰᠤᠯᠡᠨ ᠲᠤᠰ ᠵᠠᠰᠠᠭ ᠵᠠᠬᠢᠷᠭ᠎ᠠ ᠶᠢᠨ ᠭᠠᠵᠠᠷ ᠤᠷᠤᠨ ᠤ | ᠲᠤᠳᠤᠷᠠᠬᠢ ᠠᠮᠤ ᠪᠤᠳᠠᠭ᠎ᠠ ᠶᠢᠨ ᠶᠡᠷᠦᠩᠬᠡᠢ ᠬᠡᠮᠵᠢᠶ᠎ᠠ ᠶᠢ ᠲᠠᠩᠴᠡᠬᠦᠯᠬᠦ ᠪᠠ ᠤᠷᠤᠨ ᠨᠤᠳᠤᠭ ᠤᠨ ᠨᠦᠬᠡᠴᠡᠯᠡᠬᠦ | ᠠᠮᠤ ᠶᠢᠨ ᠬᠠᠮᠢᠶᠠᠷᠤᠯᠳᠠ ᠶᠢ ᠬᠠᠷᠢᠭᠤᠴᠠᠨ᠎ᠠ᠃ ᠬᠤᠰᠢᠭᠤ ᠰᠢᠶᠠᠨ ᠤ ᠱᠠᠳᠤᠨ ᠠᠴᠠ ᠲᠠᠬᠡᠭᠰᠢᠬᠢ ᠠᠷᠠᠳ ᠤᠨ | ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠲᠤᠰ | ᠵᠠᠰᠠᠭ ᠵᠠᠬᠢᠷᠭ᠎ᠠ ᠶᠢᠨ ᠭᠠᠵᠠᠷ ᠤᠷᠤᠨ ᠤ ᠲᠤᠳᠤᠷᠠᠬᠢ ᠠᠮᠤ ᠪᠤᠳᠠᠭ᠎ᠠ ᠶᠢᠨ ᠬᠦᠢᠯᠬᠡᠬᠡ ᠶᠢᠨ ᠵᠠᠰᠠᠭ ᠵᠠᠬᠢᠷᠭ᠎ᠠ ᠶᠢᠨ | ᠬᠠᠮᠢᠶᠠᠷᠤᠯᠳᠠ ᠪᠠ ᠠᠵᠢᠯ ᠲᠦᠷᠥᠯ ᠤᠨ ᠵᠢᠯᠦᠭᠤᠳᠤᠯᠭ᠎ᠠ ᠶᠢ ᠬᠠᠷᠢᠭᠤᠴᠠᠨ᠎ᠠ᠃ ᠡᠳ᠋ ᠤᠨ ᠵᠠᠰᠠᠭ᠂ ᠦᠢᠯᠡᠳᠪᠤᠷᠢ | ᠬᠤᠳᠠᠯᠳᠤᠭ᠎ᠠ᠂ ᠦᠨ᠎ᠠ ᠬᠠᠩᠰᠢ᠂ ᠶᠠᠰᠤ ᠴᠢᠨᠠᠷ ᠮᠡᠷᠬᠡᠵᠢᠯ ᠤᠨ ᠬᠢᠨᠠᠯᠳᠠ ᠲᠠᠯᠪᠢᠬᠤ᠂ ᠡᠷᠡᠬᠦᠯ ᠬᠠᠮᠠᠭᠠᠯᠠᠯ ᠵᠡᠷᠬᠡ | ᠰᠠᠯᠠᠭ᠎ᠠ ᠮᠦᠴᠢᠷ ᠤᠨ ᠬᠢᠨ ᠦᠪᠡᠷ ᠦᠪᠡᠷ ᠤᠨ ᠡᠬᠦᠷᠬᠡ ᠬᠠᠷᠢᠭᠤᠴᠠᠯᠭ᠎ᠠ ᠶᠢᠨ ᠬᠦᠷᠢᠶ᠎ᠠ ᠬᠡᠪᠴᠢᠶᠡᠨ ᠲᠤᠳᠤᠷ᠎ᠠ ᠪᠠᠨ | ᠠᠮᠤ ᠪᠤᠳᠠᠭ᠎ᠠ ᠶᠢᠨ ᠬᠦᠢᠯᠬᠡᠬᠡ ᠯᠦᠭᠡ ᠬᠠᠮᠢᠶ᠎ᠠ ᠲᠠᠢ ᠠᠵᠢᠯ ᠢ ᠬᠠᠷᠢᠭᠤᠴᠠᠨ᠎ᠠ᠃ | ᠬᠤᠶᠠᠳᠤᠭᠠᠷ ᠪᠦᠯᠦᠭ ᠠᠮᠤ ᠪᠤᠳᠠᠭ᠎ᠠ ᠡᠵᠡᠩᠨᠡᠬᠦ | ᠲᠠᠪᠤᠳᠤᠭᠠᠷ ᠵᠥᠢᠯ ᠠᠮᠤ ᠪᠤᠳᠠᠭ᠎ᠠ ᠡᠵᠡᠩᠨᠡᠭᠴᠢᠳ ᠬᠡᠲᠡᠭ ᠨᠢ ᠠᠮᠤ ᠪᠤᠳᠠᠭ᠎ᠠ ᠬᠤᠳᠠᠯᠳᠤᠨ ᠠᠪᠬᠤ᠂ | ᠪᠤᠷᠤᠯᠠᠭᠤᠯᠬᠤ᠂ ᠬᠠᠳᠠᠭᠠᠯᠠᠬᠤ᠂ ᠵᠦᠬᠡᠬᠡᠪᠤᠷᠢᠯᠡᠬᠦ᠂ ᠡᠳ᠋ᠰᠢᠬᠦᠯᠬᠦ᠂ ᠬᠤᠪᠢᠷᠠᠭᠤᠯᠬᠤ᠂ ᠭᠠᠳᠠᠭᠠᠳᠤ ᠠᠴᠠ ᠤᠷᠤᠭᠤᠯᠵᠤ | ᠭᠠᠳᠠᠭᠠᠳᠤ ᠳᠤ ᠭᠠᠷᠭᠠᠬᠤ ᠵᠡᠷᠬᠡ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠬᠠᠤᠯᠢ ᠶᠢᠨ ᠡᠷᠬᠡᠳᠡᠳ᠂ | ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠪᠠ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ | ᠡᠷᠦᠬᠡ ᠶᠢ ᠵᠢᠭᠠᠵᠤ ᠪᠤᠢ᠃ | ᠵᠢᠷᠭᠤᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠤ ᠪᠠᠶᠢᠭ᠎ᠠ ᠡᠵᠡᠩᠨᠡᠭᠴᠢᠳ | ᠨᠢ ᠬᠠᠤᠯᠢ ᠶᠤᠰᠤᠭᠠᠷ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠷᠡᠯ ᠤᠨ ᠦᠨᠡᠮᠯᠡᠯ ᠤᠯᠤᠭᠰᠠᠨ ᠪᠠᠶᠢᠬᠤ | ᠬᠡᠷᠡᠭᠳᠠᠢ᠃ | ᠲᠤᠯᠤᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠡᠷᠬᠢᠯᠡᠵᠤ ᠪᠠᠶᠢᠭ᠎ᠠ ᠡᠵᠡᠩᠨᠡᠭᠴᠢᠳ | ᠲᠤᠤᠷᠠᠬᠢ ᠨᠦᠬᠦᠴᠡᠯ ᠢ ᠪᠦᠷᠢᠯᠳᠤᠬᠦᠯᠬᠦ ᠬᠡᠷᠡᠭᠳᠠᠢ᠃ ︵ᠨᠢᠬᠡ︶ ᠬᠠᠤᠯᠢ ᠶᠢᠨ ᠡᠷᠬᠡᠳᠡᠨ ᠪᠠ ᠪᠤᠰᠤᠳ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠳᠠᠩᠰᠠᠯᠠᠭᠤᠯᠤᠬᠰᠠᠠ ᠪᠡᠯᠡ ᠮᠥᠩᠬᠦ ᠨᠢ 50 ᠲᠦᠮᠡᠨ ᠲᠦᠬᠦᠷᠢᠭ ᠠᠴᠠ | ᠲᠡᠬᠡᠭᠰᠢ᠂ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ ᠳᠠᠩᠳᠠᠯᠠᠭᠤᠯᠤᠬᠰᠠᠠ ᠪᠡᠯᠡ ᠮᠥᠩᠬᠦ ᠨᠢ 3 | ᠲᠦᠮᠡᠡ ᠲᠦᠬᠦᠷᠢᠭ ᠠᠴᠠ ᠲᠡᠬᠡᠭᠰᠢ ᠪᠠᠶᠢᠬᠤ ᠬᠡᠷᠡᠭᠳᠠᠢ᠃ ︵ᠬᠤᠶᠠᠷ︶ ᠬᠠᠤᠯᠢ ᠶᠢᠨ ᠡᠷᠬᠡᠳᠡᠨ ᠪᠠ ᠪᠤᠰᠤᠳ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠪᠤᠯ 20 ᠲᠦᠮᠡᠨ ᠺᠢᠯᠦᠭᠷᠠᠮ ᠠᠴᠠ ᠲᠠᠬᠡᠭᠰᠢ ᠤᠯᠤᠰ ᠤᠨ ᠠᠮᠤ ᠪᠤᠳᠠᠭ᠎ᠠ | ᠨᠦᠬᠡᠴᠡᠯᠠᠨ ᠬᠠᠳᠠᠭᠠᠯᠠᠬᠤ ᠪᠠᠷᠢᠮᠵᠢᠶ᠎ᠠ ᠪᠠ ᠮᠡᠷᠬᠡᠵᠢᠯ ᠤᠨ ᠲᠦᠷᠢᠮᠵᠢᠯ ᠤᠨ ᠱᠠᠭᠠᠷᠳᠠᠯᠭ᠎ᠠ ᠳᠤ ᠨᠡᠶᠢᠴᠡᠭᠰᠡᠨ | ᠪᠦᠳᠦᠮᠵᠢᠳᠠᠢ ᠬᠦᠮᠦᠷᠬᠡ ᠶᠢᠨ ᠪᠠᠭᠳᠠᠭᠠᠮᠵᠢ ᠲᠠᠢ ᠪᠠᠶᠢᠬᠤ ᠪᠤᠶᠤ ᠲᠦᠷᠢᠶᠡᠰᠤᠯᠡᠨ ᠵᠢᠬᠡᠯᠡᠵᠤ᠂ ᠬᠤᠪᠢ ᠶᠢᠨ | ᠦᠢᠯᠡᠳᠪᠤᠷᠢ ᠬᠤᠳᠠᠯᠳᠤᠭ᠎ᠠ ᠶᠢᠨ ᠡᠷᠦᠬᠡ ᠪᠤᠯ 2 ᠲᠦᠮᠡᠨ ᠺᠢᠯᠦᠭᠷᠠᠮ ᠠᠴᠠ ᠲᠠᠬᠡᠭᠰᠢᠬᠢ ᠪᠦᠳᠦᠮᠵᠢᠳᠠᠢ | ᠬᠦᠮᠦᠷᠬᠡ ᠶᠢᠨ ᠪᠠᠭᠳᠠᠭᠠᠮᠵᠢ ᠲᠠᠢ ᠪᠠᠶᠢᠬᠤ ᠪᠤᠶᠤ ᠡᠰᠡᠬᠦᠯ᠎ᠠ ᠲᠦᠷᠢᠶᠠᠰᠤᠯᠡᠨ ᠵᠢᠬᠡᠯᠡᠭᠰᠡᠨ ᠪᠠᠶᠢᠬᠤ ᠬᠡᠷᠡᠭᠳᠠᠢ᠃ ︵ | ᠭᠤᠷᠪᠠ︶ ᠫᠦᠨ᠋ᠲ ᠵᠢᠩᠯᠡᠬᠦᠷ᠂ ᠴᠢᠬᠢᠭ ᠤᠨ ᠬᠡᠮᠵᠢᠶ᠎ᠠ ᠶᠢ ᠬᠡᠮᠵᠢᠨ ᠲᠤᠭᠳᠠᠭᠠᠬᠤ ᠪᠠᠭᠠᠵᠢ᠂ ᠲᠡᠩᠨᠡᠬᠦᠷ᠂ | ᠪᠠᠭᠳᠠᠴᠠ ᠶᠢᠨ ᠵᠢᠩ ᠵᠡᠷᠬᠡ ᠠᠮᠤ ᠪᠤᠳᠠᠭ᠎ᠠ ᠶᠢᠨ ᠶᠠᠰᠤ ᠴᠢᠨᠠᠷ ᠢ ᠰᠢᠯᠭᠠᠨ ᠪᠠᠶᠢᠴᠠᠭᠠᠵᠤ ᠪᠠᠭᠠᠵᠢ ᠪᠠ ᠬᠡᠮᠵᠢᠯᠳᠡ ᠶᠢᠨ | ᠪᠠᠭᠠᠵᠢ ᠲᠦᠬᠦᠬᠡᠷᠦᠮᠵᠢ ᠲᠠᠢ ᠪᠠᠶᠢᠬᠤ ᠬᠡᠷᠡᠭᠳᠠᠢ᠃ ︵ᠲᠦᠷᠪᠡ︶ ᠵᠤᠬᠢᠬᠤ ᠬᠢᠷᠢ ᠬᠡᠮ ᠲᠠᠢ ᠲᠤᠰᠬᠠᠢ ᠪᠤᠶᠤ | ᠲᠤᠰᠢᠶᠠᠯ ᠬᠠᠪᠰᠤᠷᠭᠠᠭᠰᠠᠨ ᠠᠮᠤ ᠪᠤᠳᠠᠭ᠎ᠠ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠭᠴᠢ᠂ ᠬᠠᠮᠢᠶᠠᠷᠤᠭᠴᠢ ᠪᠠ | ᠲᠤᠭ᠎ᠠ ᠪᠦᠷᠢᠳᠬᠡᠭᠴᠢ ᠲᠠᠢ ᠪᠠᠶᠢᠬᠤ ᠬᠡᠷᠡᠭᠳᠠᠢ᠃ ︵ᠲᠠᠪᠤ︶ ᠬᠠᠤᠯᠢ ᠴᠠᠭᠠᠵᠠ᠂ ᠬᠠᠤᠯᠢ ᠲᠦᠷᠢᠮ ᠳᠤ | ᠲᠤᠭᠳᠠᠭᠠᠰᠠᠨ ᠪᠤᠰᠤᠳ ᠨᠦᠬᠦᠴᠡᠯ ᠢ ᠪᠦᠷᠢᠯᠳᠤᠬᠦᠯᠦᠭᠰᠡᠨ ᠪᠠᠶᠢᠬᠤ ᠬᠡᠷᠡᠭᠳᠠᠢ᠃ | ᠨᠢᠢᠮᠠᠳᠤᠭᠠᠷ ᠵᠥᠢᠯ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠭᠤᠶᠤᠴᠢᠯᠠᠬᠤ ᠡᠵᠡᠩᠨᠡᠭᠴᠢᠳ | ᠦᠢᠯᠡᠳᠪᠤᠷᠢ ᠬᠤᠳᠠᠯᠳᠤᠭ᠎ᠠ ᠶᠢᠨ ᠲᠠᠩᠰᠠᠯᠠᠯᠳᠠ ᠬᠢᠵᠤ ᠦᠭᠬᠦᠭᠰᠡᠨ ᠰᠠᠯᠠᠭ᠎ᠠ ᠮᠦᠴᠢᠷ ᠤᠨ ᠠᠳᠠᠯᠢ ᠱᠠᠳᠤᠨ ᠤ ᠠᠮᠤ | ᠪᠤᠳᠠᠭ᠎ᠠ ᠶᠢᠨ ᠵᠠᠰᠠᠭ ᠵᠠᠬᠢᠷᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠲᠤᠤᠷᠠᠬᠢ ᠪᠢᠴᠢᠭ ᠮᠠᠲ᠋ᠧᠷᠶᠠᠯ ᠢ | ᠲᠤᠰᠢᠶᠠᠬᠤ ᠬᠡᠷᠡᠭᠳᠠᠢ᠃ ︵ᠨᠢᠬᠡ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠢ ᠭᠤᠶᠤᠴᠢᠯᠠᠭᠰᠠᠨ ᠬᠦᠰᠦᠨᠦᠭ | ᠃ ︵ᠬᠤᠶᠠᠷ︶ ᠬᠠᠤᠯᠢ ᠶᠢᠨ ᠡᠷᠬᠡᠳᠡᠨ ᠪᠤᠶᠤ ᠬᠤᠪᠢ ᠶᠢᠨ ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ | ᠪᠠᠶ᠎ᠠ ᠶᠢᠨ ᠦᠨᠡᠮᠯᠡᠯ ᠤᠨ ᠲᠠᠷᠤᠮᠠᠯᠯᠠᠭᠰᠠᠨ ᠮᠠᠲ᠋ᠧᠷᠢᠶᠠᠯ᠃ ︵ᠭᠤᠷᠪᠠ︶ ᠡᠵᠡᠩᠨᠡᠯᠳᠡ ᠶᠢᠨ ᠪᠠᠳᠤᠯᠠᠪᠤᠷᠢ ᠪᠢᠴᠢᠭ | ᠪᠤᠶᠤ ︽ᠠᠵᠤ ᠠᠬᠤᠢᠢᠯᠠᠯ ᠤᠨ ᠨᠠᠷᠠ ᠶᠢ ᠤᠷᠢᠳᠴᠢᠯᠠᠨ ᠬᠢᠨᠠᠨ ᠵᠦᠪᠰᠢᠶᠡᠷᠡᠭᠰᠡᠨ ᠮᠡᠳᠡᠭᠳᠡᠯ ᠤᠨ ᠪᠢᠴᠢᠭ︾ ᠤᠨ | ᠲᠠᠷᠤᠮᠠᠯᠯᠠᠭᠰᠠᠨ ᠮᠠᠲ᠋ᠧᠷᠢᠶᠠᠯ᠃ ︵ᠲᠦᠷᠪᠡ︶ ᠡᠳ᠋ ᠬᠦᠷᠦᠩᠬᠡ ᠶᠢᠨ ᠢᠳᠡᠬᠡᠯ ᠤᠨ ᠬᠡᠷᠡᠴᠢ ᠪᠤᠶᠤ ᠬᠤᠪᠢ ᠶᠢᠨ | ᠦᠢᠯᠡᠳᠪᠤᠷᠢ ᠬᠤᠳᠠᠯᠳᠤᠭ᠎ᠠ ᠶᠢᠨ ᠡᠷᠦᠬᠡ ᠶᠢᠨ ᠬᠠᠳᠠᠭᠠᠯᠠᠮᠵᠢ ᠶᠢᠨ ᠬᠡᠷᠡᠴᠢ᠃ ︵ᠲᠠᠪᠤ︶ ᠬᠦᠮᠦᠷᠬᠡᠯᠡᠨ ᠨᠦᠬᠡᠴᠡᠯᠡᠬᠦ | ᠲᠦᠬᠦᠬᠡᠷᠦᠮᠵᠢ ᠶᠢᠨ ᠦᠮᠴᠢᠯᠡᠬᠦ ᠡᠷᠬᠡ ᠶᠢᠨ ᠬᠡᠷᠡᠴᠢ ᠪᠤᠶᠤ ᠲᠦᠷᠢᠶᠠᠰᠤᠯᠡᠭᠰᠡᠨ ᠬᠡᠷ᠎ᠠ᠃ ︵ᠵᠢᠷᠭᠤᠭ᠎ᠠ︶ ᠬᠠᠤᠯᠢ ᠳᠤ | ᠲᠤᠭᠳᠠᠭᠰᠠᠨ ᠬᠡᠮᠵᠢᠯᠳᠡ ᠶᠢᠨ ᠬᠢᠨᠠᠨ ᠲᠤᠭᠳᠠᠭᠠᠬᠤ ᠪᠠᠶᠢᠭᠤᠯᠤᠮᠵᠢ ᠠᠴᠠ ᠬᠢᠵᠤ ᠦᠭᠬᠦᠭᠰᠡᠨ ᠰᠢᠯᠭᠠᠨ ᠪᠠᠶᠢᠴᠠᠭᠠᠵᠤ | ᠪᠠᠭᠠᠵᠢ ᠪᠠ ᠬᠡᠮᠵᠢᠯᠳᠡ ᠶᠢᠨ ᠪᠠᠭᠠᠵᠢ ᠲᠦᠬᠦᠬᠡᠷᠦᠮᠵᠢ ᠶᠢᠨ ᠬᠢᠷᠢ ᠲᠡᠩᠴᠡᠭᠰᠠᠨ ᠢ ᠬᠡᠷᠡᠴᠢᠯᠡᠭᠰᠡᠨ ᠪᠢᠴᠢᠭ ᠮᠠᠲ᠋ᠧᠷᠢᠶᠠᠯ | ᠃ ︵ᠲᠤᠯᠤᠭ᠎ᠠ︶ ᠠᠮᠤ ᠪᠤᠳᠠᠭ᠎ᠠ ᠶᠢᠨ ᠶᠠᠰᠤ ᠴᠢᠨᠠᠷ ᠤᠨ ᠰᠢᠯᠭᠠᠨ ᠪᠠᠶᠢᠴᠠᠭᠠᠭᠴᠢ᠂ ᠬᠠᠮᠢᠶᠠᠷᠤᠭᠴᠢ ᠪᠠ ᠲᠤᠭ᠎ᠠ | ᠪᠦᠷᠢᠳᠬᠡᠭᠴᠢ ᠶᠢᠨ ᠬᠢᠷᠢ ᠬᠡᠮ ᠢ ᠬᠡᠷᠡᠴᠢᠯᠡᠭᠰᠡᠨ ᠪᠢᠴᠢᠭ ᠮᠠᠲ᠋ᠧᠷᠢᠶᠠᠯ᠃ ︵ᠨᠢᠢᠮᠠ︶ ᠬᠠᠤᠯᠢ ᠴᠠᠭᠠᠵᠠ᠂ ᠬᠠᠤᠯᠢ | ᠲᠦᠷᠢᠮ ᠳᠤ ᠲᠤᠭᠳᠠᠭᠠᠭᠰᠠᠨ ᠪᠤᠰᠤᠳ ᠪᠢᠴᠢᠭ ᠮᠠᠲ᠋ᠧᠷᠢᠶᠠᠯ᠃ | ᠶᠢᠰᠦᠳᠦᠭᠡᠷ ᠵᠦᠢᠯ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠮᠤ | ᠪᠤᠳᠠᠭ᠎ᠠ ᠬᠤᠳᠠᠯᠳᠤᠨ ᠠᠪᠬᠤ ᠶᠢ ᠦᠪᠡᠷ ᠳᠡᠭᠡᠨ ᠰᠢᠢᠳᠪᠦᠷᠢᠯᠡᠭᠦ ᠡᠷᠭᠡ ᠶᠢ ᠭᠤᠶᠤᠴᠢᠯᠠᠭᠰᠠᠨ ᠡᠳᠦᠷ ᠠᠴᠠ ᠪᠠᠨ | ᠡᠬᠢᠯᠡᠨ 15 ᠠᠵᠢᠯ ᠤᠨ ᠡᠳᠦᠷ ᠲᠤ ᠵᠠᠰᠠᠭ ᠵᠠᠬᠢᠷᠭᠠᠨ ᠤ ᠵᠦᠪᠰᠢᠶᠠᠷᠡᠯ ᠤᠨ ᠰᠢᠢᠳᠪᠦᠷᠢ ᠭᠠᠷᠭᠠᠬᠤ ᠬᠡᠷᠡᠭᠲᠡᠢ᠃ | ᠨᠦᠭᠦᠴᠡᠯ ᠳᠤ ᠨᠡᠶᠢᠴᠡᠭᠰᠠᠨ ᠳᠤᠨᠢ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠯᠡᠯ ᠤᠯᠭᠤᠵᠤ | ᠢᠯᠡ ᠨᠡᠶᠢᠳᠡᠯᠡᠨ᠎ᠡ︔ ᠨᠦᠭᠦᠴᠡᠯ ᠳᠤ ᠨᠡᠶᠢᠴᠡᠬᠦ ᠦᠭᠡᠢ ᠪᠤᠯ ᠪᠢᠴᠢᠭ ᠢᠶᠠᠷ ᠰᠢᠯᠳᠠᠭᠠᠠ ᠢ ᠨᠢ ᠲᠤᠳᠤᠷᠬᠠᠢᠢᠯᠠᠨ᠎ᠠ᠃ | ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠮᠤ ᠪᠤᠳᠠᠭ᠎ᠠ ᠬᠤᠳᠠᠯᠳᠤᠨ ᠠᠪᠬᠤ | ᠬᠢᠷᠢ ᠭᠡᠮ ᠳᠤ ᠪᠠᠶᠢᠴᠠᠭᠠᠯᠳᠠ ᠬᠢᠭᠦ ᠳᠡᠭᠡᠨ᠂ ᠭᠤᠶᠤᠴᠢᠯᠠᠭᠴᠢ ᠶᠢᠨ ᠡᠵᠡᠩᠨᠡᠯᠳᠠ ᠶᠢᠨ ᠲᠠᠯᠠᠪᠤᠷ᠂ ᠬᠦᠮᠦᠷᠭᠯᠡᠵᠦ | ᠬᠠᠳᠠᠭᠠᠯᠠᠬᠤ ᠲᠤᠨᠤᠭ ᠲᠦᠭᠦᠭᠡᠷᠦᠮᠵᠢ᠂ ᠪᠠᠶᠢᠴᠠᠭᠠᠨ ᠰᠢᠯᠭᠠᠬᠤ ᠮᠠᠰᠢᠨ ᠲᠦᠭᠦᠭᠡᠷᠦᠮᠵᠢ ᠪᠠ ᠬᠡᠮᠵᠢᠯᠳᠠ ᠶᠢᠨ ᠪᠠᠭᠠᠵᠢ | ᠬᠡᠷᠡᠭᠰᠡᠯ ᠵᠡᠷᠭᠡ ᠶᠢ ᠲᠤᠬᠠᠢ ᠶᠢᠨ ᠭᠠᠵᠠᠷ ᠲᠤ ᠨᠢ ᠬᠦᠷᠴᠤ ᠬᠠᠷᠭᠤᠭᠤᠯᠤᠨ ᠪᠠᠶᠢᠴᠠᠭᠠᠬᠤ ᠬᠡᠷᠡᠭᠲᠡᠢ᠃ | ᠠᠷᠪᠠᠳᠤᠭᠠᠷ ᠵᠦᠢᠯ ᠰᠢᠨ᠎ᠠ ᠪᠠᠷ ᠲᠤᠭᠳᠠᠭᠠᠭᠰᠠᠨ ᠬᠠᠤᠯᠢ ᠶᠢᠨ ᠡᠷᠭᠡᠲᠡᠡ᠂ ᠪᠤᠰᠤᠳ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠪᠤᠶᠤ ᠬᠤᠪᠢ ᠶᠢᠨ ᠦᠢᠯᠡᠳᠪᠥᠷᠢ ᠬᠤᠳᠠᠯᠳᠤᠭᠠᠠ ᠤ ᠡᠷᠦᠭᠡ ᠠᠮᠤ ᠪᠤᠳᠠᠭ᠎ᠠ ᠬᠤᠳᠠᠯᠳᠤᠨ | ᠠᠪᠬᠤ ᠵᠦᠪᠰᠢᠶᠠᠷᠡᠯ ᠤᠨ ᠦᠨᠡᠮᠡᠯᠡᠯ ᠤᠯᠤᠭᠰᠠᠨ ᠤ ᠳᠠᠷᠠᠭ᠎ᠠ᠂ ᠬᠠᠤᠯᠢ ᠶᠤᠰᠤᠭᠠᠷ ᠠᠳᠠᠯᠢ ᠱᠠᠳᠤᠨ ᠤ ᠦᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠬᠦᠷᠴᠤ ᠳᠠᠩᠰᠠᠯᠠᠭᠤᠯᠬᠤ | ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ | ᠡᠵᠡᠩᠨᠡᠯᠳᠠ ᠶᠢᠨ ᠬᠡᠪᠴᠢᠶᠡᠡ ᠳᠤᠳᠤᠷ᠎ᠠ ᠪᠠᠨ ᠠᠮᠤ ᠪᠤᠳᠠᠭ᠎ᠠ ᠬᠤᠳᠠᠯᠳᠤᠨ ᠠᠪᠬᠤ ᠶᠢ ᠲᠤᠳᠤᠷᠬᠠᠢᠢᠯᠠᠵᠤ ᠦᠭᠭᠦ | ᠬᠡᠷᠡᠭᠲᠡᠢ᠃ ᠨᠢᠭᠡᠨᠳᠠ ᠲᠤᠭᠳᠠᠭᠠᠭᠰᠠᠨ ᠬᠠᠤᠯᠢ ᠶᠢᠨ ᠡᠷᠭᠡᠲᠡᠡ᠂ ᠪᠤᠰᠤᠳ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠪᠠ ᠬᠤᠪᠢ ᠶᠢᠨ ᠦᠢᠯᠡᠳᠪᠥᠷᠢ ᠬᠤᠳᠠᠯᠳᠤᠭᠠᠠ ᠤ ᠡᠷᠦᠭᠡ ᠠᠮᠤ ᠪᠤᠳᠠᠭ᠎ᠠ ᠬᠤᠳᠠᠯᠳᠤᠨ ᠠᠪᠬᠤ | ᠵᠦᠪᠰᠢᠶᠠᠷᠡᠯ ᠤᠨ ᠦᠨᠡᠮᠯᠡᠯ ᠤᠯᠤᠭᠰᠠᠨ ᠤ ᠳᠠᠷᠠᠭ᠎ᠠ ᠬᠠᠤᠯᠢ ᠶᠤᠰᠤᠭᠠᠷ ᠠᠳᠠᠯᠢ ᠱᠠᠳᠤᠨ ᠤ ᠦᠢᠯᠡᠳᠪᠦᠷᠢ | ᠬᠤᠳᠠᠯᠳᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠡᠵᠡᠩᠨᠡᠯᠳᠠ ᠶᠢᠨ ᠬᠦᠷᠢᠶ᠎ᠠ ᠬᠡᠪᠴᠢᠶ᠎ᠠ ᠶᠢᠨ | ᠬᠤᠪᠢᠷᠠᠯᠳᠠ ᠪᠠᠨ ᠳᠠᠩᠰᠠᠯᠠᠭᠤᠯᠬᠤ ᠬᠡᠷᠡᠭᠲᠡᠢ᠃ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠬᠡᠪᠴᠢᠶᠡᠡ ᠳᠤᠳᠤᠷ᠎ᠠ ᠪᠠᠨ ᠠᠮᠤ ᠪᠤᠳᠠᠭ᠎ᠠ | ᠬᠤᠳᠠᠯᠳᠤᠨ ᠠᠪᠬᠤ ᠶᠢ ᠲᠤᠳᠤᠷᠬᠠᠢᠢᠯᠠᠵᠤ ᠦᠭᠭᠦ ᠬᠡᠷᠡᠭᠲᠡᠢ᠃ | ᠠᠷᠪᠠᠨ ᠨᠢᠭᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠠᠷᠡᠯ ᠤᠨ ᠦᠨᠡᠮᠡᠯᠡᠯ ᠤᠨ ᠬᠦᠴᠦᠨ | ᠪᠦᠬᠦᠢ ᠬᠤᠭᠤᠴᠠᠭ᠎ᠠ ᠨᠢ 4 ᠵᠢᠯ ᠪᠤᠯᠤᠨ᠎ᠠ᠃ ᠬᠦᠴᠦᠨ ᠪᠦᠬᠦᠢ ᠬᠤᠭᠤᠴᠠᠭᠠᠨ ᠳᠤ ᠵᠦᠪᠰᠢᠶᠠᠷᠡᠯ ᠤᠯᠤᠭᠰᠠᠨ | ᠬᠦᠮᠦᠨ ᠵᠦᠪᠰᠢᠶᠡᠷᠡᠭᠦᠯᠦᠭᠰᠡᠨ ᠵᠦᠢᠯ ᠢᠶᠠᠨ ᠬᠤᠪᠢᠷᠠᠭᠤᠯᠬᠤ ᠴᠢᠬᠤᠯᠠ ᠲᠠᠢ ᠪᠤᠯ᠂ ᠵᠠᠰᠠᠭ ᠵᠠᠬᠢᠷᠭᠠᠨ ᠤ | ᠵᠦᠪᠰᠢᠶᠡᠷᠡᠯ ᠤᠨ ᠲᠤᠭᠳᠠᠭᠠᠯ ᠭᠠᠷᠭᠠᠬᠰᠠᠠ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠲᠤ ᠭᠤᠶᠤᠴᠢᠯᠠᠯ ᠭᠠᠷᠭᠠᠨ᠂ ᠨᠦᠭᠦᠴᠡᠯ ᠳᠤ ᠨᠡᠶᠢᠴᠡᠪᠠᠯ᠂ ᠠᠮᠤ ᠪᠤᠳᠠᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠬᠠᠤᠯᠢ ᠶᠤᠰᠤᠭᠠᠷ ᠭᠠᠷ ᠬᠦᠢᠴᠡᠳᠭᠡᠯ ᠬᠢᠵᠤ ᠦᠭᠭᠦ ᠬᠡᠷᠡᠭᠲᠡᠢ᠃ ᠠᠮᠤ | ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠡᠯᠡᠯ ᠤᠨ ᠬᠤᠭᠤᠴᠠᠭ᠎ᠠ ᠨᠢ ᠳᠤᠯᠤᠬᠰᠠᠠ ᠤ ᠳᠠᠷᠠᠭ᠎ᠠ᠂ | ᠦᠷᠭᠦᠯᠵᠢᠯᠡᠨ ᠠᠮᠤ ᠪᠤᠳᠠᠭ᠎ᠠ ᠬᠤᠳᠠᠯᠳᠤᠨ ᠠᠪᠬᠤ ᠡᠵᠡᠩᠨᠡᠯᠳᠠ ᠬᠢᠭᠦ ᠰᠠᠨᠠᠭ᠎ᠠ ᠲᠠᠢ ᠪᠤᠯ᠂ ᠭᠦᠴᠦᠨ ᠪᠦᠬᠦᠢ | ᠬᠤᠭᠤᠴᠠᠭ᠎ᠠ ᠨᠢ ᠲᠤᠯᠬᠤ ᠠᠴᠠ 30 ᠡᠳᠦᠷ ᠤᠨ ᠡᠮᠦᠨ᠎ᠠ ᠵᠦᠪᠰᠢᠶᠡᠷᠡᠯ ᠤᠨ ᠦᠨᠡᠮᠡᠯᠡᠯ ᠤᠯᠭᠤᠭᠰᠠᠨ ᠠᠮᠤ | ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ ᠭᠠᠷᠭᠠᠨ᠎ᠠ᠃ ᠠᠮᠤ | ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠭᠤᠶᠤᠴᠢᠯᠠᠯ ᠢ ᠦᠨᠳᠦᠰᠦᠯᠡᠨ᠂ ᠠᠮᠤ | ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠤᠨ ᠬᠤᠭᠤᠴᠠᠭ᠎ᠠ ᠨᠢ ᠳᠤᠯᠬᠤ ᠠᠴᠠ ᠡᠮᠦᠨ᠎ᠠ | ᠦᠷᠭᠦᠯᠵᠢᠯᠡᠨ ᠡᠵᠡᠩᠨᠡᠯᠳᠠ ᠬᠢᠭᠦ ᠶᠢ ᠵᠦᠪᠰᠢᠶᠡᠷᠡᠭᠦ ᠡᠰᠡᠭᠦ ᠪᠠᠨ ᠲᠤᠭᠳᠠᠭᠠᠬᠤ ᠬᠡᠷᠡᠭᠲᠡᠢ᠂ ᠬᠡᠷᠪᠡ ᠬᠤᠭᠤᠴᠠᠭ᠎ᠠ | ᠳᠤᠯᠬᠤ ᠠᠴᠠ ᠡᠮᠦᠨ᠎ᠠ ᠲᠤᠭᠳᠠᠭᠠᠵᠤ ᠳᠡᠶᠢᠯᠭᠦ ᠦᠭᠡᠢ ᠪᠤᠯ᠂ ᠦᠷᠭᠦᠯᠵᠢᠯᠡᠨ ᠡᠵᠡᠩᠨᠡᠭᠦ ᠶᠢ ᠵᠦᠪᠰᠢᠶᠡᠷᠡᠭᠰᠡᠨ ᠢᠶᠠᠷ | ᠪᠤᠳᠤᠨ᠎ᠠ᠃ | ᠠᠷᠪᠠᠨ ᠬᠤᠶᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠡᠯᠡᠯ ᠢ | ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠤᠯᠤᠰ ᠤᠨ ᠲᠤᠭᠳᠠᠭᠠᠬᠰᠠᠠ ᠬᠡᠯᠪᠡᠷᠢ ᠮᠠᠶ᠋ᠢᠭ ᠢᠶᠠᠷ ᠨᠢᠭᠡᠳᠦᠯᠳᠠᠢ | ᠳᠠᠷᠤᠮᠠᠯᠯᠠᠨ᠎ᠠ᠃ ᠶᠠᠮᠠᠷᠪᠠ ᠪᠠᠶᠢᠭᠤᠯᠤᠯᠭ᠎ᠠ ᠪᠠ ᠬᠤᠪᠢ ᠬᠦᠮᠦᠨ ᠠᠮᠤ ᠪᠤᠳᠠᠭ᠎ᠠ ᠬᠤᠳᠠᠯᠳᠤᠨ ᠠᠪᠬᠤ | ᠵᠦᠪᠰᠢᠶᠡᠷᠡᠯ ᠤᠨ ᠦᠨᠡᠮᠯᠡᠯ ᠢ ᠬᠠᠭᠤᠷᠮᠠᠭᠯᠠᠨ ᠦᠢᠯᠡᠳᠴᠤ᠂ ᠪᠡᠯᠡᠯᠡᠵᠤ ᠦᠭᠡᠷᠡᠴᠢᠯᠡᠵᠤ᠂ ᠠᠷᠠᠯᠵᠢᠶᠠᠯᠠᠵᠤ | ᠬᠤᠳᠠᠯᠳᠤᠵᠤ᠂ ᠦᠨ᠎ᠠ ᠲᠦᠯᠦᠪᠦᠷᠢ ᠲᠠᠢ ᠪᠠᠷ ᠰᠢᠯᠵᠢᠭᠦᠯᠵᠤ᠂ ᠵᠢᠭᠡᠯᠡᠭᠦᠯᠵᠤ᠂ ᠳᠦᠷᠢᠶᠡᠰᠦᠯᠡᠭᠦᠯᠵᠤ ᠪᠤᠯᠬᠤ ᠦᠭᠡᠢ | ᠃ | ᠠᠷᠪᠠᠨ ᠭᠤᠷᠪᠠᠳᠤᠭᠠᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠠᠵᠢᠯᠯᠠᠭ᠎ᠠ ᠬᠢᠵᠤ ᠪᠠᠶᠢᠬᠤ ᠡᠵᠡᠩᠨᠡᠭᠴᠢ | ᠲᠤᠤᠷᠠᠬᠢ ᠲᠦᠷᠢᠮ ᠲᠤᠬᠳᠠᠭᠠᠯ ᠢ ᠵᠢᠷᠤᠮᠯᠠᠬᠤ ᠬᠡᠷᠡᠭᠳᠡᠢ᠄ ︵ᠨᠢᠭᠡ︶ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ | ᠲᠠᠭᠠᠨ ᠠᠮᠤ ᠪᠤᠳᠠᠭ᠎ᠠ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠪᠤᠯᠤᠨ ᠡᠵᠡᠩᠨᠡᠯᠳᠠ ᠶᠢᠨ ᠦᠨᠡᠮᠯᠡᠯ ᠢᠶᠠᠨ | ᠢᠯᠡ ᠲᠠᠯᠪᠢᠬᠤ ᠬᠡᠷᠡᠭᠳᠡᠢ᠃ ︵ᠬᠤᠶᠡᠷ︶ ᠠᠮᠤ ᠪᠤᠳᠠᠭ᠎ᠠ ᠬᠤᠳᠠᠯᠳᠤᠬᠴᠢ ᠳᠤ ᠬᠤᠳᠠᠯᠳᠤᠨ ᠠᠪᠬᠤ ᠠᠮᠤ | ᠪᠤᠳᠠᠭᠠᠨ ᠤ ᠲᠦᠷᠦᠯ ᠵᠦᠢᠯ᠂ ᠶᠠᠰᠤ ᠴᠢᠨᠠᠷ ᠤᠨ ᠪᠠᠷᠢᠮᠵᠢᠶ᠎ᠠ ᠪᠤᠯᠤᠨ ᠬᠤᠳᠠᠯᠳᠤᠬᠤ ᠦᠨ᠎ᠡ ᠬᠠᠩᠰᠢ ᠶᠢ ᠮᠡᠳᠡᠭᠦᠯᠭᠦ | ᠬᠡᠷᠡᠭᠲᠡᠢ ᠪᠦᠭᠡᠳ ᠠᠮᠤ ᠪᠤᠳᠠᠭ᠎ᠠ ᠬᠤᠳᠠᠯᠳᠤᠨ ᠠᠪᠬᠤ ᠲᠠᠯᠠᠪᠤᠷ ᠲᠤ ᠢᠯᠡ ᠨᠡᠶᠢᠳᠡᠯᠡᠭᠦ ᠬᠡᠷᠡᠭᠲᠡᠢ᠃ ︵ᠭᠤᠷᠪᠠ︶ | ᠤᠯᠤᠰ ᠤᠨ ᠠᠮᠤ ᠪᠤᠳᠠᠭᠠᠨ ᠤ ᠶᠠᠰᠤ ᠴᠢᠨᠠᠷ ᠤᠨ ᠪᠠᠷᠢᠮᠵᠢᠶ᠎ᠠ ᠶᠢ ᠬᠡᠷᠡᠭᠵᠢᠬᠦᠯᠦᠨ᠂ ᠶᠠᠰᠤ ᠴᠢᠨᠠᠷ ᠢ ᠨᠢ | ᠦᠨᠳᠦᠰᠦᠯᠡᠨ ᠬᠠᠩᠰᠢᠯᠠᠵᠤ᠂ ᠲᠠᠷᠢᠶᠠᠴᠢᠳ ᠪᠤᠯᠤᠨ ᠠᠮᠤ ᠪᠤᠳᠠᠭ᠎ᠠ ᠦᠢᠯᠡᠳᠪᠦᠷᠢᠯᠡᠭᠴᠢ ᠶᠢᠨ ᠠᠰᠢᠭ ᠲᠤᠰᠠ ᠶᠢ | ᠬᠤᠬᠢᠷᠠᠭᠤᠯᠵᠤ ᠪᠤᠯᠬᠤ ᠦᠭᠡᠢ᠃ ︵ᠲᠦᠷᠪᠡ︶ ᠠᠮᠤ ᠪᠤᠳᠠᠭ᠎ᠠ ᠬᠤᠳᠠᠯᠳᠤᠬᠴᠢ ᠳᠤ ᠠᠮᠤ ᠪᠤᠳᠠᠭ᠎ᠠ ᠬᠤᠳᠠᠯᠳᠤᠨ | ᠠᠪᠬᠤ ᠦᠨᠡᠮᠯᠡᠯ ᠢᠶᠠᠨ ᠭᠠᠷᠭᠠᠨ ᠦᠵᠡᠭᠦᠯᠵᠤ᠂ ᠠᠮᠤ ᠪᠤᠳᠠᠭᠠᠨ ᠤ ᠲᠦᠷᠦᠯ ᠵᠦᠢᠯ᠂ ᠵᠡᠷᠭᠡ ᠳᠡᠰ᠂ ᠦᠨ᠎ᠡ ᠬᠠᠩᠰᠢ | ᠂ ᠲᠤᠭ᠎ᠠ ᠬᠡᠮᠵᠢᠶ᠎ᠡ ᠵᠢᠴᠢ ᠵᠤᠭᠤᠰ ᠤᠨ ᠲᠤᠭ᠎ᠠ ᠶᠢ ᠲᠤᠳᠤᠷᠬᠠᠢᠢᠯᠠᠬᠤ ᠬᠡᠷᠡᠭᠳᠡᠢ᠃ ︵ᠳᠠᠪᠤ︶ ᠠᠮᠤ ᠪᠤᠳᠠᠭ᠎ᠠ | ᠬᠤᠳᠠᠯᠳᠤᠬᠴᠢ ᠳᠤ ᠠᠮᠤ ᠪᠤᠳᠠᠭ᠎ᠠ ᠬᠤᠳᠠᠯᠳᠤᠬᠰᠠᠨ ᠵᠤᠭᠤᠰ ᠢ ᠨᠢ ᠴᠠᠭ ᠳᠤᠬᠠᠢ ᠳᠤᠨᠢ ᠦᠭᠬᠦ ᠬᠡᠷᠡᠭᠲᠡᠢ᠂ | ᠬᠤᠶᠢᠰᠢᠯᠠᠭᠤᠯᠵᠤ ᠪᠤᠯᠬᠤ ᠦᠭᠡᠢ᠃ ︵ᠵᠢᠷᠭᠤᠭ︶ ᠶᠠᠮᠠᠷᠪᠠ ᠪᠦᠯᠬᠦᠮ ᠪᠤᠶᠤ ᠬᠤᠪᠢ ᠬᠦᠮᠦᠨ ᠤ ᠨᠠᠶᠢᠳᠠᠯᠭ᠎ᠠ ᠪᠠᠷ | ᠶᠠᠮᠠᠷᠪᠠ ᠭᠠᠶᠢᠯᠢ᠂ ᠰᠦᠢᠳᠭᠡᠯ ᠪᠤᠯᠤᠨ ᠪᠤᠰᠤᠳ ᠵᠤᠭᠤᠰ ᠢ ᠤᠷᠤᠯᠠᠠ ᠬᠤᠷᠢᠶᠠᠵᠤ ᠤᠷᠤᠯᠠᠠ ᠳᠤᠰᠢᠶᠠᠵᠤ ᠪᠤᠯᠬᠤ | ᠦᠭᠡᠢ᠃ ︵ᠳᠤᠯᠤᠭ᠎ᠠ︶ ᠬᠠᠤᠯᠢ ᠪᠠᠷ ᠳᠤᠬᠳᠠᠭᠠᠬᠰᠠᠠ ᠭᠡᠮᠵᠢᠬᠦᠷ ᠢ ᠬᠢᠨᠠᠠ ᠳᠤᠬᠳᠠᠭᠠᠬᠤ ᠪᠠᠶᠢᠭᠤᠯᠤᠮᠵᠢ ᠶᠢᠨ ᠬᠢᠨᠠᠨ | ᠲᠤᠬᠳᠠᠭᠠᠯᠳᠠ ᠳᠤ ᠬᠢᠷᠢ ᠲᠡᠩᠴᠡᠭᠰᠡᠨ ᠬᠡᠮᠵᠢᠯᠳᠡ ᠶᠢᠨ ᠪᠠᠭᠠᠵᠢ ᠬᠡᠷᠡᠭᠰᠡᠯ ᠢ ᠬᠡᠷᠡᠭᠯᠡᠨ᠎ᠡ᠃ ︵ᠨᠠᠢᠮᠠ︶ ᠬᠤᠰᠢᠭᠤ | ᠰᠢᠶᠠᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠨᠠᠶᠢᠳᠠᠯᠭ᠎ᠠ ᠪᠠᠷ ᠲᠦᠷᠦ ᠶᠢᠨ ᠪᠤᠳᠤᠯᠭ᠎ᠠ ᠶᠢᠨ | ᠴᠢᠨᠠᠷᠲᠡᠢ ᠠᠮᠤ ᠪᠤᠳᠠᠭ᠎ᠠ ᠶᠢ ᠬᠤᠳᠠᠯᠳᠤᠨ ᠠᠪᠤᠨ᠎ᠠ᠃ ︵ᠶᠢᠰᠦ︶ ᠬᠠᠤᠯᠢ ᠴᠠᠭᠠᠵᠠ᠂ ᠬᠠᠤᠯᠢ ᠲᠤᠬᠳᠠᠭᠠᠯ᠂ | ᠲᠦᠷᠢᠮ ᠲᠤᠬᠳᠠᠭᠠᠯ ᠳᠤ ᠲᠤᠬᠳᠠᠭᠠᠬᠰᠠᠨ ᠪᠤᠰᠤᠳ ᠡᠭᠦᠷᠭᠡ ᠬᠠᠷᠢᠭᠤᠴᠠᠯᠭ᠎ᠠ᠃ | ᠠᠷᠪᠠᠨ ᠲᠦᠷᠪᠡᠳᠦᠭᠡᠷ ᠵᠦᠢᠯ ᠠᠮᠤ ᠪᠤᠳᠠᠭ᠎ᠠ ᠬᠤᠳᠠᠯᠳᠤᠨ ᠠᠪᠬᠤ ᠡᠵᠡᠩᠨᠡᠭᠴᠢ ᠬᠤᠰᠢᠭᠤ ᠰᠢᠶᠠᠨ ᠠᠯᠤᠰᠯᠠᠨ | ᠠᠮᠤ ᠪᠤᠳᠠᠭ᠎ᠠ ᠬᠤᠳᠠᠯᠳᠤᠨ ᠠᠪᠬᠤ ᠳᠤ᠂ ᠠᠮᠤ ᠪᠤᠳᠠᠭ᠎ᠠ ᠬᠤᠳᠠᠯᠳᠤᠨ ᠠᠪᠬᠤ ᠬᠦᠴᠦᠨ ᠪᠦᠬᠦᠢ ᠦᠨᠡᠮᠯᠡᠯ ᠤᠨ | ᠬᠠᠭᠤᠯᠪᠤᠷᠢ ᠲᠡᠪᠳᠡᠷ᠂ ᠡᠵᠡᠩᠨᠡᠯᠳᠠ ᠶᠢᠨ ᠦᠨᠡᠮᠯᠡᠯ ᠤᠨ ᠬᠠᠭᠤᠯᠪᠤᠷᠢ ᠳᠡᠪᠳᠡᠷ ᠪᠠᠶᠢᠬᠤ ᠬᠡᠷᠡᠭᠲᠡᠢ ᠪᠥᠭᠡᠳ ᠠᠮᠤ | ᠪᠤᠳᠠᠭ᠎ᠠ ᠬᠤᠳᠠᠯᠳᠤᠨ ᠠᠪᠬᠤ ᠭᠠᠵᠠᠷ ᠤᠷᠤᠨ ᠤ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠭ ᠤᠨ | ᠤᠷᠳᠤᠨ ᠤ ᠠᠮᠤ ᠪᠤᠳᠠᠭᠠᠠ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠠᠮᠤ ᠪᠤᠳᠠᠭ᠎ᠠ | ᠬᠤᠳᠠᠯᠳᠤᠨ ᠠᠪᠤᠬᠰᠠᠨ ᠲᠤᠭ᠎ᠠ ᠬᠡᠮᠵᠢᠶ᠎ᠡ ᠵᠡᠷᠭᠡ ᠬᠠᠮᠢᠶ᠎ᠠ ᠪᠦᠬᠦᠢ ᠪᠠᠶᠢᠳᠠᠯ ᠢᠶᠠᠨ ᠲᠤᠬᠳᠠᠬᠰᠠᠨ ᠬᠤᠭᠤᠴᠠᠭ᠎ᠠ ᠲᠠᠢ | ᠮᠡᠳᠡᠭᠦᠯᠦᠨ᠎ᠡ᠃ | ᠠᠷᠪᠠᠨ ᠲᠠᠪᠤᠳᠤᠭᠠᠷ ᠵᠥᠢᠯ ᠠᠮᠦ ᠪᠤᠳᠠᠭ᠎ᠠ ᠪᠤᠷᠤᠯᠠᠭᠠᠯᠬᠤ ᠠᠵᠢᠯ ᠬᠢᠵᠤ ᠪᠠᠶᠢᠬᠤ ᠡᠵᠡᠩᠨᠡᠭᠴᠢᠳ ᠲᠤᠤᠷᠠᠬᠢ | ᠲᠤᠭᠳᠠᠭᠠᠯ ᠢ ᠵᠢᠷᠤᠮᠯᠠᠪᠠᠯ ᠵᠤᠬᠢᠨ᠎ᠠ᠄ ︵ᠨᠢᠬᠡ︶ ᠤᠯᠤᠰ ᠤᠨ ᠠᠮᠦ ᠪᠤᠳᠠᠭᠠᠨ ᠤ ᠶᠠᠰᠤ ᠴᠢᠨᠠᠷ᠂ ᠡᠷᠡᠬᠦᠯ | ᠬᠠᠮᠭᠠᠯᠠᠯ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠬᠦᠯᠬᠦ ᠬᠡᠷᠡᠭᠳᠡᠢ᠃ ︵ᠬᠤᠶᠠᠷ︶ ᠵᠢᠩ ᠯᠠᠩ ᠶᠢ ᠨᠢ | ᠲᠤᠳᠠᠭᠳᠠᠭᠤᠯᠬᠤ᠂ ᠬᠤᠯᠢᠴᠠ ᠬᠤᠯᠢᠵᠤ ᠬᠠᠭᠤᠷᠮᠠᠭ ᠢᠶᠠᠷ ᠵᠤᠬᠢᠶᠠᠠ᠂ ᠮᠠᠭᠤ ᠪᠠᠷ ᠰᠠᠶᠢᠨ ᠶᠢ ᠤᠷᠤᠯᠠᠵᠦ ᠪᠤᠯᠬᠤ | ᠦᠬᠡᠢ᠃ ︵ᠭᠤᠷᠪᠠ︶ ᠪᠤᠷᠤᠯᠠᠭᠤᠯᠬᠤ ᠬᠡᠵᠦ ᠪᠠᠶᠢᠭ᠎ᠠ ᠠᠮᠦ ᠪᠤᠳᠠᠭ᠎ᠠ ᠪᠠᠨ ᠠᠮᠦ ᠪᠤᠳᠠᠭ᠎ᠠ ᠶᠢ ᠪᠤᠬᠢᠷᠳᠠᠭᠤᠯᠵᠤ | ᠮᠡᠲᠡᠬᠦ ᠪᠤᠳᠠᠰ ᠠᠴᠠ ᠰᠠᠯᠭᠠᠵᠤ ᠲᠠᠯᠪᠢᠬᠤ ᠬᠡᠷᠡᠭᠳᠡᠢ᠃ ︵ᠲᠦᠷᠪᠠ︶ ᠬᠤᠷᠠᠮᠲᠤᠭᠤᠯᠤᠨ ᠲᠠᠷᠤᠵᠤ ᠬᠤᠨᠵᠢᠨ | ᠵᠠᠪᠰᠢᠬᠤ᠂ ᠠᠵᠢᠯ ᠨᠢᠬᠡᠲᠠᠨ ᠢᠶᠠᠨ ᠲᠠᠷᠤᠯᠠᠵᠤ ᠵᠠᠬ᠎ᠠ ᠲᠡᠯᠬᠡᠬᠦᠷ ᠢ ᠡᠵᠡᠷᠬᠡᠬᠦ᠂ ᠭᠠᠭᠴᠠᠭᠠᠷ ᠡᠵᠡᠮᠲᠠᠬᠦ ᠪᠤᠶᠤ ᠠᠮᠤ | ᠪᠤᠲᠠᠭᠠᠨ ᠤ ᠦᠨ᠎ᠠ ᠬᠠᠨᠭ᠍ᠰᠢ ᠶᠢ ᠲᠤᠷᠠᠪᠠᠷ ᠡᠵᠡᠮᠲᠠᠵᠤ ᠪᠤᠯᠬᠤ ᠦᠬᠡᠢ᠃ ︵ᠲᠠᠪᠤ︶ ᠪᠤᠷᠤᠭᠤᠯᠤᠭᠴᠢ ᠠᠮᠦ ᠪᠤᠳᠠᠭ᠎ᠠ | ᠶᠢᠨ ᠬᠤᠷᠤᠬᠠᠢᠢᠳᠠᠬᠤ ᠠᠴᠠ ᠰᠠᠷᠬᠡᠶᠢᠯᠡᠬᠦ᠂ ᠬᠤᠯᠤᠭᠠᠨ᠎ᠠ ᠶᠢ ᠰᠡᠷᠬᠡᠶᠢᠯᠡᠬᠦ᠂ ᠸᠠᠯᠠᠬᠤ ᠠᠴᠠ ᠰᠡᠷᠬᠡᠶᠢᠯᠡᠬᠦ᠂ | ᠪᠤᠬᠢᠷᠲᠤᠬᠤ ᠠᠴᠠ ᠰᠡᠷᠬᠡᠶᠢᠯᠡᠬᠦ ᠵᠡᠷᠬᠡ ᠶᠠᠷᠤ ᠶᠢᠨ ᠮᠡᠳᠡᠯᠬᠡ ᠶᠢ ᠪᠤᠯᠪᠠᠰᠤᠷᠠᠩᠭᠤᠢ ᠡᠵᠡᠮᠰᠢᠵᠤ᠂ ᠠᠮᠤ ᠪᠤᠳᠠᠭᠠᠨ ᠤ | ᠶᠠᠰᠤ ᠴᠢᠨᠡᠷ ᠢ ᠢᠯᠭᠠᠨ ᠲᠠᠨᠢᠬᠤ ᠴᠢᠲᠠᠪᠤᠷᠢ ᠶᠢ ᠪᠦᠷᠢᠯᠲᠤᠬᠦᠯᠬᠦ ᠬᠡᠷᠡᠭᠲᠠᠢ᠃ ︵ᠵᠢᠷᠭᠤᠭ᠎ᠠ︶ ᠪᠤᠯᠪᠠᠰᠤᠷᠠᠭᠤᠯᠤᠭᠰᠠᠨ | ᠠᠮᠦ ᠪᠤᠳᠠᠭ᠎ᠠ ᠪᠤᠷᠤᠯᠤᠭᠤᠯᠤᠭᠴᠢ ᠡᠷᠭᠡᠪᠰᠢ ᠡᠷᠡᠬᠦᠯ ᠴᠢᠬᠢᠷᠠᠬ ᠤᠨ ᠬᠢᠷᠢ ᠲᠡᠩᠴᠡᠭᠰᠠᠨ ᠦᠨᠡᠮᠯᠡᠯ ᠪᠠᠶᠢᠬᠤ ᠬᠡᠷᠡᠭᠳᠡᠢ᠃ | ︵ᠲᠤᠯᠤᠭ᠎ᠠ︶ ᠬᠠᠤᠯᠢ ᠴᠠᠭᠠᠵᠠ᠂ ᠲᠦᠷᠢᠮ ᠲᠤᠭᠳᠠᠭᠠᠯ ᠳᠤ ᠲᠤᠭᠳᠠᠭᠠᠭᠰᠠᠨ ᠪᠤᠰᠤᠳ ᠡᠬᠦᠷᠬᠡ ᠬᠠᠷᠢᠭᠤᠴᠠᠯᠭ᠎ᠠ᠃ | | ᠠᠷᠪᠠᠨ ᠵᠢᠷᠭᠤᠳᠤᠭᠠᠷ ᠵᠦᠢᠯ ᠠᠮᠦ ᠪᠤᠳᠠᠭ᠎ᠠ ᠶᠢ ᠬᠠᠳᠠᠭᠠᠯᠠᠵᠦ ᠪᠠᠶᠢᠭ᠎ᠠ ᠡᠵᠡᠩᠨᠡᠭᠴᠢᠳ ᠲᠤᠤᠷᠠᠬᠢ ᠲᠦᠷᠢᠮ | ᠲᠤᠭᠳᠠᠭᠠᠯ ᠢ ᠵᠢᠷᠤᠮᠯᠠᠪᠠᠯ ᠵᠤᠬᠢᠨ᠎ᠠ᠄ ︵ᠨᠢᠬᠡ︶ ᠬᠦᠮᠤᠷᠭᠡᠯᠡᠵᠦ ᠬᠠᠳᠠᠭᠠᠯᠠᠬᠤ ᠲᠦᠬᠦᠬᠡᠷᠦᠮᠵᠢ ᠨᠢ ᠤᠯᠤᠰ ᠤᠨ ᠠᠮᠤ | ᠪᠤᠲᠠᠭ᠎ᠠ ᠬᠠᠲᠠᠭᠠᠯᠠᠬᠤ ᠶᠠᠰᠤ ᠴᠢᠨᠠᠷ᠂ ᠡᠷᠡᠬᠦᠯ ᠬᠠᠮᠭᠠᠯᠠᠯ ᠤᠨ ᠪᠠᠷᠢᠮᠵᠢᠶ᠎ᠠ ᠪᠤᠯᠤᠨ ᠮᠡᠷᠬᠡᠵᠢᠯ ᠤᠨ ᠲᠦᠷᠢᠮᠵᠢᠯ ᠳᠤ | ᠨᠡᠶᠢᠴᠡᠭᠰᠡᠨ ᠪᠠᠶᠢᠬᠤ ᠬᠡᠷᠡᠭᠲᠠᠢ᠃ ︵ᠬᠤᠶᠠᠷ︶ ᠠᠮᠦ ᠪᠤᠳᠠᠭ᠎ᠠ ᠪᠤᠯᠤᠨ ᠠᠮᠦ ᠪᠤᠳᠠᠭ᠎ᠠ ᠶᠢ ᠪᠤᠬᠢᠷᠳᠤᠭᠤᠯᠵᠦ ᠮᠡᠳᠡᠬᠦ | ᠪᠤᠳᠠᠰ ᠢ ᠬᠤᠯᠢᠵᠤ ᠬᠠᠳᠠᠭᠠᠯᠠᠵᠦ ᠪᠤᠯᠬᠤ ᠦᠬᠡᠢ᠃ ︵ᠭᠤᠷᠪᠠ︶ ᠸᠠᠯᠠᠭᠰᠠᠨ ᠵᠢᠴᠢ ᠡᠪᠡᠳᠴᠢᠨ ᠬᠤᠷᠤᠬᠠᠢ ᠶᠢᠨ | ᠬᠦᠨᠤᠬᠡᠯ ᠤᠯᠤᠰ ᠤᠨ ᠪᠠᠷᠢᠮᠵᠢᠶ᠎ᠠ ᠠᠴᠠ ᠬᠡᠲᠤᠷᠡᠭᠰᠡᠨ ᠠᠮᠤ ᠪᠤᠲᠠᠭ᠎ᠠ ᠶᠢ ᠲᠤᠰᠠᠭᠠᠷ ᠬᠠᠲᠠᠭᠠᠯᠠᠬᠤ ᠪᠥᠭᠡᠳ | ᠤᠯᠤᠰ ᠤᠨ ᠲᠤᠭᠲᠠᠭᠠᠯ ᠶᠤᠰᠤᠭᠠᠷ ᠪᠤᠷᠤᠯᠠᠭᠤᠯᠬᠤ ᠪᠤᠶᠤ ᠭᠠᠯᠳᠠᠵᠤ ᠰᠢᠢᠳᠪᠥᠷᠢᠯᠡᠬᠦ ᠬᠡᠷᠡᠭᠲᠠᠢ᠃ ︵ᠲᠦᠷᠪᠠ︶ | ᠬᠦᠮᠤᠷᠬᠡᠯᠠᠵᠦ ᠬᠠᠳᠠᠭᠠᠯᠠᠬᠤ ᠲᠤᠨᠤᠭ ᠲᠦᠬᠦᠬᠡᠷᠤᠮᠵᠢ ᠶᠢ ᠠᠷᠢᠭᠤᠳᠬᠠᠵᠤ᠂ ᠠᠮᠤ ᠪᠤᠲᠠᠭᠠᠨ ᠤ ᠬᠤᠷᠤᠬᠠᠶᠢᠲᠤᠯ | ᠪᠤᠯᠤᠨ ᠬᠦᠬᠡᠴᠤ ᠶᠢ ᠰᠡᠷᠬᠡᠶᠢᠯᠡᠬᠦ᠂ ᠬᠤᠯᠤᠭᠠᠨ᠎ᠠ ᠶᠢ ᠤᠰᠠᠳᠬᠠᠬᠤ ᠵᠡᠷᠬᠡ ᠳᠤ ᠤᠯᠤᠰ ᠤᠨ ᠲᠤᠭᠲᠠᠭᠠᠭᠰᠠᠨ ᠵᠦᠢᠯ | ᠠᠴᠠ ᠭᠠᠲᠠᠨᠡᠬᠢ ᠬᠢᠮᠢ ᠶᠢᠨ ᠡᠮ ᠪᠤᠶᠤ ᠬᠢᠮᠢ ᠶᠢᠨ ᠡᠮ ᠢ ᠬᠡᠮᠵᠢᠶ᠎ᠠ ᠠᠴᠠ ᠬᠡᠲᠤᠷᠡᠲᠠᠯᠠ ᠬᠡᠷᠡᠭᠯᠡᠵᠤ ᠪᠤᠯᠬᠤ ᠦᠬᠡᠢ᠃ | ᠡᠮ ᠤᠨ ᠦᠯᠡᠲᠡᠭᠲᠠᠯ ᠪᠤᠲᠠᠰ ᠤᠨ ᠬᠡᠮᠵᠢᠶ᠎ᠠ ᠤᠯᠤᠰ ᠤᠨ ᠪᠠᠷᠢᠮᠵᠢᠶ᠎ᠠ ᠠᠴᠠ ᠬᠡᠳᠤᠷᠡᠭᠰᠠᠨ ᠠᠮᠦ ᠪᠤᠳᠠᠭ᠎ᠠ ᠶᠢ ᠲᠤᠰᠭᠠᠷ | ᠨᠢ ᠪᠢᠲᠠᠬᠦᠮᠵᠢᠯᠡᠨ ᠳᠠᠯᠪᠢᠬᠤ ᠪᠥᠭᠡᠳ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠰᠡᠶᠢᠳᠪᠤᠷᠢᠯᠠᠨᠠ᠃ ︵ | ᠲᠠᠪᠤ︶ ᠤᠯᠤᠰ ᠤᠨ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠠᠳᠠᠭᠠᠯᠠᠬᠤ ᠠᠮᠦ ᠪᠤᠳᠠᠭᠠᠨ ᠤ ᠬᠢᠮᠢ ᠶᠢᠨ ᠡᠮ ᠤᠨ | ᠠᠮᠤᠷ ᠲᠥᠪᠰᠢ ᠬᠠᠳᠠᠭᠠᠯᠠᠵᠤ ᠬᠡᠷᠡᠭᠯᠡᠬᠦ ᠠᠵᠢᠯ ᠢ ᠰᠠᠶᠢᠳᠤᠷ ᠬᠢᠬᠦ ᠬᠡᠷᠡᠭᠳᠡᠢ᠃ ︵ᠵᠢᠷᠭᠤᠭ᠎ᠠ︶ ᠬᠡᠪ ᠤᠨ | ᠬᠠᠳᠠᠭᠠᠯᠠᠬᠤ ᠬᠤᠭᠤᠴᠠᠭᠠᠨ ᠲᠤᠲᠤᠷᠡᠬᠢ ᠠᠮᠦ ᠪᠤᠳᠠᠭ᠎ᠠ ᠶᠢ ᠬᠦᠮᠦᠷᠬᠡ ᠠᠴᠠ ᠭᠠᠷᠭᠠᠬᠤ ᠳᠤ ᠡᠵᠡᠩᠨᠡᠭᠴᠢ ᠠᠴᠠ | ᠦᠪᠡᠷᠲᠡᠬᠡᠨ ᠰᠢᠯᠭᠠᠨ ᠪᠠᠶᠢᠴᠠᠭᠠᠬᠤ ᠶᠢᠨ ᠬᠠᠮᠲᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ ᠮᠡᠳᠡᠬᠦᠯᠥᠯᠲᠡ ᠭᠠᠷᠭᠠᠵᠤ | ᠦᠭᠬᠦ ᠬᠡᠷᠡᠭᠲᠠᠢ︔ ᠬᠡᠪ ᠤᠨ ᠬᠠᠳᠠᠭᠠᠯᠠᠬᠤ ᠬᠤᠭᠤᠴᠠᠭᠠᠨ ᠠᠴᠠ ᠬᠡᠳᠦᠷᠡᠭᠰᠡᠨ ᠠᠮᠦ ᠪᠤᠳᠠᠭ᠎ᠠ ᠶᠢ ᠬᠦᠮᠦᠷᠬᠡ ᠠᠴᠠ | ᠭᠠᠷᠭᠠᠬᠤ ᠳᠤ᠂ ᠠᠮᠦ ᠪᠤᠳᠠᠭᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠤ ᠬᠢᠷᠢ ᠬᠡᠮ ᠲᠠᠢ ᠪᠠᠶᠢᠭᠤᠯᠤᠮᠵᠢ ᠠᠴᠠ | ᠶᠠᠰᠤ ᠴᠢᠨᠡᠷ ᠤᠨ ᠬᠢᠨᠠᠠ ᠳᠤᠬᠳᠠᠭᠠᠯ ᠬᠢᠬᠦ ᠶᠢᠨ ᠬᠠᠮᠲᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ ᠮᠡᠳᠡᠬᠦᠯᠤᠯᠳᠡ | ᠭᠠᠷᠭᠠᠵᠤ ᠦᠭᠬᠦ ᠬᠡᠷᠡᠭᠲᠠᠢ᠃ ︵ᠲᠤᠯᠤᠭ᠎ᠠ︶ ᠬᠠᠤᠯᠢ ᠴᠠᠭᠠᠵᠠ᠂ ᠲᠦᠷᠢᠮ ᠲᠤᠭᠳᠠᠭᠠᠯ ᠳᠤ ᠲᠤᠭᠳᠠᠭᠠᠭᠰᠠᠨ | ᠪᠤᠰᠤᠳ ᠡᠬᠦᠷᠬᠡ ᠬᠠᠷᠢᠭᠤᠴᠠᠯᠭ᠎ᠠ᠃ | ᠠᠷᠪᠠᠨ ᠲᠤᠯᠤᠳᠤᠭᠠᠷ ᠵᠥᠢᠯ ᠠᠮᠦ ᠪᠤᠳᠠᠭ᠎ᠠ ᠪᠤᠷᠤᠯᠠᠭᠤᠯᠬᠤ᠂ ᠪᠤᠯᠪᠠᠰᠤᠷᠠᠭᠤᠯᠬᠤ ᠪᠠ ᠬᠤᠪᠢᠷᠠᠭᠤᠯᠬᠤ ᠠᠵᠢᠯ | ᠬᠢᠵᠤ ᠪᠠᠶᠢᠬᠤ ᠡᠵᠡᠩᠨᠡᠭᠴᠢᠳ ᠠᠴᠠ ᠠᠮᠤ ᠪᠤᠲᠠᠭ᠎ᠠ ᠬᠤᠲᠠᠯᠲᠤᠨ ᠠᠪᠴᠤ ᠬᠠᠲᠠᠭᠠᠯᠠᠵᠤ ᠪᠠᠶᠢᠬᠤ ᠡᠵᠡᠩᠨᠡᠭᠴᠢᠳ | ᠠᠴᠠ ᠠᠮᠤ ᠪᠤᠲᠠᠭ᠎ᠠ ᠬᠤᠲᠠᠯᠲᠤᠨ ᠠᠪᠬᠤ ᠦᠶ᠎ᠠ ᠳᠤ ᠠᠮᠦ ᠪᠤᠳᠠᠭᠠᠨ ᠤ ᠶᠠᠰᠤ ᠴᠢᠨᠠᠷ ᠢ ᠰᠢᠯᠭᠠᠨ ᠪᠠᠶᠢᠴᠠᠭᠠᠬᠰᠠᠠ | ᠮᠡᠳᠡᠬᠦᠯᠤᠯᠳᠠ ᠶᠢ ᠨᠢ ᠠᠪᠬᠤ ᠬᠡᠷᠡᠭᠳᠡᠢ᠃ | ᠠᠷᠪᠠᠨ ᠨᠠᠶᠢᠮᠠᠳᠤᠭᠠᠷ ᠵᠦᠢᠯ ᠠᠮᠦ ᠪᠤᠳᠠᠭ᠎ᠠ ᠶᠢ ᠲᠡᠬᠡᠬᠡᠪᠦᠷᠢᠯᠡᠬᠦ ᠳᠤ ᠤᠯᠤᠰ ᠤᠨ ᠠᠮᠤ ᠪᠤᠲᠠᠭ᠎ᠠ | ᠲᠡᠬᠡᠬᠡᠪᠦᠷᠢᠯᠡᠬᠦ ᠮᠡᠷᠬᠡᠵᠢᠯ ᠤᠨ ᠲᠦᠷᠢᠮᠵᠢᠯ ᠢ ᠴᠢᠩᠭ᠎ᠠ ᠬᠡᠷᠡᠭᠵᠢᠬᠦᠯᠵᠤ᠂ ᠪᠤᠬᠢᠷᠲᠦᠭᠰᠡᠨ ᠲᠡᠬᠡᠬᠡᠪᠦᠷᠢ ᠶᠢᠨ ᠪᠠᠭᠠᠵᠢ | ᠪᠤᠶᠤ ᠪᠠᠭᠯᠠᠭ᠎ᠠ ᠶᠢᠨ ᠮᠠᠲ᠋ᠧᠷᠢᠶᠠᠯ ᠢ ᠠᠮᠤ ᠪᠤᠲᠠᠭ᠎ᠠ ᠲᠡᠬᠡᠬᠡᠪᠦᠷᠢᠯᠡᠬᠦ ᠳᠤ ᠬᠡᠷᠡᠭᠯᠡᠵᠤ ᠪᠤᠯᠬᠤ ᠦᠬᠡᠢ᠃ | ᠠᠷᠪᠠ ᠶᠢᠰᠦᠳᠦᠬᠡᠷ ᠵᠦᠢᠯ ᠠᠮᠦ ᠪᠤᠳᠠᠭ᠎ᠠ ᠶᠢᠨ ᠡᠳ᠋ᠰᠢᠬᠦᠯᠬᠦ ᠠᠵᠢᠯ ᠬᠢᠵᠤ ᠪᠠᠶᠢᠬᠤ ᠡᠵᠡᠩᠨᠡᠭᠴᠢᠳ ᠲᠤᠤᠷᠠᠬᠢ | ᠲᠦᠷᠢᠮ ᠲᠤᠭᠳᠠᠭᠠᠯ ᠶᠢ ᠵᠢᠷᠤᠮᠯᠡᠪᠠᠯ ᠵᠤᠬᠢᠨ᠎ᠠ᠄ ︵ᠨᠢᠬᠡ︶ ᠠᠮᠦ ᠪᠤᠳᠠᠭ᠎ᠠ ᠪᠤᠯᠪᠠᠰᠤᠷᠠᠭᠤᠯᠬᠤ ᠶᠠᠰᠤ ᠴᠢᠨᠠᠷ ᠢ | ᠪᠠᠳᠤᠯᠠᠬᠤ ᠪᠠ ᠡᠷᠡᠬᠦᠯ ᠬᠠᠮᠭᠠᠯᠠᠯ ᠤᠨ ᠵᠠᠪᠠᠯ ᠪᠥᠷᠢᠯᠲᠦᠬᠦᠯᠬᠦ ᠨᠦᠬᠦᠴᠡᠯ ᠢ ᠪᠥᠷᠢᠯᠲᠦᠬᠦᠯᠵᠦ᠂ ᠵᠤᠬᠢᠬᠤ ᠬᠢᠷᠢ ᠬᠡᠮ | ᠤᠯᠤᠬᠰᠠᠠ ᠪᠠᠶᠢᠬᠤ ᠬᠡᠷᠡᠭᠲᠡᠢ᠃ ︵ᠬᠤᠶᠡᠷ︶ ᠠᠮᠤ ᠪᠤᠳᠠᠭ᠎ᠠ ᠶᠢ ᠡᠳ᠋ᠰᠢᠭᠦᠯᠬᠦ ᠠᠵᠢᠯᠳᠠᠨ ᠨᠢ ᠡᠷᠬᠡᠪᠰᠢ ᠡᠷᠡᠭᠦᠯ | ᠴᠢᠬᠢᠷᠠᠭ ᠤᠨ ᠬᠢᠷᠢ ᠲᠡᠩᠴᠡᠭᠰᠡᠨ ᠭᠡᠷᠡᠴᠢ ᠪᠠᠶᠢᠬᠤ ᠬᠡᠷᠡᠭᠳᠡᠢ᠃ ︵ᠭᠤᠷᠪᠡ︶ ᠢᠯᠵᠠᠷᠠᠵᠤ ᠸᠠᠯᠠᠨ ᠴᠢᠨᠠᠷ | ᠬᠤᠪᠢᠷᠠᠭᠰᠠᠨ ᠠᠮᠤ ᠪᠤᠳᠠᠭ᠎ᠠ᠂ ᠲᠤᠰᠠᠯᠠᠬᠤ ᠦᠢᠯᠡᠳᠭᠦᠨ ᠢ ᠡᠳ᠋ᠰᠢᠭᠦᠯᠵᠦ ᠪᠤᠯᠬᠤ ᠦᠭᠡᠢ᠃ ︵ᠲᠥᠷᠪᠡ︶ ᠲᠦᠷᠢᠮ | ᠲᠤᠭᠳᠠᠭᠠᠯ ᠢ ᠵᠦᠷᠢᠴᠡᠨ ᠳᠤᠷ᠎ᠠ ᠪᠠᠷ ᠢᠶᠠᠨ ᠨᠡᠮᠡᠯᠳᠡ ᠡᠳ᠋ ᠬᠡᠷᠡᠭᠯᠡᠵᠦ ᠪᠤᠯᠬᠤ ᠦᠭᠡᠢ᠃ ︵ᠳᠠᠪᠤ︶ ᠶᠠᠰᠤ ᠴᠢᠨᠠᠷ᠂ | ᠡᠷᠡᠭᠦᠯ ᠬᠠᠮᠠᠭᠠᠯᠠᠯ ᠤᠨ ᠪᠠᠷᠢᠮᠵᠢᠶ᠎ᠠ ᠳᠤ ᠨᠡᠶᠢᠴᠡᠬᠦ ᠦᠭᠡᠢ ᠪᠤᠭᠤᠳᠠᠯᠯᠠᠬᠤ ᠮᠠᠲ᠋ᠧᠷᠢᠶᠠᠯ ᠢ ᠬᠡᠷᠡᠭᠯᠡᠵᠦ ᠪᠤᠯᠬᠤ ᠦᠭᠡᠢ᠂ | ᠪᠤᠭᠤᠳᠠᠯᠯᠠᠭᠰᠠᠨ ᠪᠤᠳᠠᠰ ᠤᠨ ᠲᠡᠭᠡᠷᠡᠬᠢ ᠲᠠᠸᠠᠷ ᠤᠨ ᠲᠡᠮᠳᠡᠭ ᠨᠢ ᠤᠯᠤᠰ ᠤᠨ ᠲᠦᠷᠢᠮ ᠲᠤᠭᠳᠠᠭᠠᠯ ᠳᠤ | ᠨᠡᠶᠢᠴᠡᠭᠰᠡᠨ ᠪᠠᠶᠢᠬᠤ ᠬᠡᠷᠡᠭᠳᠡᠢ᠃ ︵ᠵᠢᠷᠭᠤᠭ᠎ᠠ︶ ᠬᠠᠦᠯᠢ ᠴᠠᠭᠠᠵᠠ᠂ ᠬᠠᠦᠯᠢ ᠲᠦᠷᠢᠮ᠂ ᠳᠦᠷᠢᠮ ᠲᠤᠭᠳᠠᠭᠠᠯ ᠳᠤ | ᠲᠤᠭᠳᠠᠭᠠᠭᠰᠠᠨ ᠪᠤᠰᠤᠳ ᠡᠭᠦᠷᠭᠡ ᠬᠠᠷᠢᠭᠤᠴᠠᠯᠭ᠎ᠠ᠃ | ᠬᠤᠷᠢᠳᠤᠭᠠᠷ ᠵᠦᠢᠯ ᠠᠮᠤ ᠪᠤᠳᠠᠭ᠎ᠠ ᠡᠵᠡᠩᠨᠡᠵᠦ ᠪᠠᠶᠢᠬᠤ ᠡᠵᠡᠩᠨᠡᠭᠴᠢ ᠨᠢ᠂ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ | ᠠᠴᠠ ᠲᠤᠭᠳᠠᠭᠠᠵᠤ᠂ ᠲᠤᠭ᠎ᠠ ᠪᠦᠷᠢᠳᠬᠡᠯ ᠤᠨ ᠰᠠᠯᠠᠭ᠎ᠠ ᠮᠦᠴᠢᠷ ᠠᠴᠠ ᠵᠦᠪᠰᠢᠶᠡᠷᠡᠭᠰᠡᠨ ᠠᠮᠤ ᠪᠤᠳᠠᠭ᠎ᠠ ᠶᠢᠨ | ᠭᠦᠢᠯᠭᠡᠭᠡ ᠶᠢᠨ ᠲᠤᠭ᠎ᠠ ᠪᠦᠷᠢᠳᠬᠡᠯ ᠤᠨ ᠲᠤᠭᠳᠠᠭᠠᠯ ᠢ ᠬᠡᠷᠡᠭᠵᠢᠭᠦᠯᠵᠦ᠂ ᠠᠮᠤ ᠪᠤᠳᠠᠭ᠎ᠠ ᠶᠢᠨ ᠡᠵᠡᠩᠨᠡᠯᠳᠡ ᠶᠢᠨ | ᠲᠠᠩᠰᠠ ᠬᠠᠷ᠎ᠠ ᠪᠠᠶᠢᠭᠤᠯᠬᠤ ᠪᠥᠭᠡᠳ ᠰᠠᠭᠤᠭ᠎ᠠ ᠭᠠᠵᠠᠷ ᠤᠨ ᠢᠶᠠᠨ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ | ᠵᠠᠰᠠᠭ ᠤᠨ ᠤᠷᠳᠤᠨ ᠤ ᠠᠮᠤ ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ | ᠲᠤᠭᠳᠠᠭᠰᠠᠨ ᠬᠤᠭᠤᠴᠠᠭ᠎ᠠ ᠲᠠᠢ ᠪᠠᠷ ᠠᠮᠤ ᠪᠤᠳᠠᠭ᠎ᠠ ᠬᠤᠳᠠᠯᠳᠤᠨ ᠠᠪᠬᠤ᠂ ᠬᠠᠳᠠᠭᠠᠯᠠᠬᠤ᠂ ᠡᠳ᠋ᠰᠢᠭᠦᠯᠬᠦ ᠪᠤᠯᠤᠨ | ᠬᠤᠪᠢᠷᠠᠭᠤᠯᠬᠤ ᠳᠤ ᠬᠡᠷᠡᠭᠯᠡᠬᠦ ᠠᠮᠤ ᠪᠤᠳᠠᠭ᠎ᠠ ᠵᠡᠷᠭᠡ ᠦᠨᠳᠦᠰᠦᠨ ᠲᠤᠭ᠎ᠠ ᠪᠠᠷᠢᠮᠳᠠ ᠵᠢᠴᠢ ᠬᠠᠮᠢᠶ᠎ᠠ ᠪᠦᠬᠦᠢ ᠪᠠᠶᠢᠳᠠᠯ | ᠢᠶᠠᠨ ᠮᠡᠳᠡᠭᠦᠯᠬᠦ ᠬᠡᠷᠡᠭᠳᠡᠢ᠃ ᠠᠮᠤ ᠪᠤᠳᠠᠭ᠎ᠠ ᠡᠵᠡᠩᠨᠡᠭᠴᠢ ᠶᠢᠨ ᠠᠮᠤ ᠪᠤᠳᠠᠭ᠎ᠠ ᠶᠢᠨ ᠡᠵᠡᠩᠨᠡᠯᠳᠡ ᠶᠢᠨ ᠲᠠᠩᠰᠠ | ᠬᠠᠷ᠎ᠠ ᠶᠢ ᠬᠠᠳᠠᠭᠠᠯᠠᠬᠤ ᠬᠤᠭᠤᠴᠠᠭ᠎ᠠ ᠶᠢ 3 ᠵᠢᠯ ᠠᠴᠠ ᠲᠤᠷᠤᠭᠰᠢ ᠪᠠᠶᠢᠯᠭᠠᠵᠤ ᠪᠤᠯᠬᠤ ᠦᠭᠡᠢ᠃ ᠠᠮᠤ ᠪᠤᠳᠠᠭ᠎ᠠ | ᠡᠵᠡᠩᠨᠡᠭᠴᠢ ᠶᠢᠨ ᠮᠡᠳᠡᠭᠦᠯᠦᠭᠰᠡᠨ ᠦᠨᠳᠦᠰᠦᠨ ᠲᠤᠭ᠎ᠠ ᠪᠠᠷᠢᠮᠳᠠ ᠪᠤᠯᠤᠨ ᠬᠠᠮᠢᠶ᠎ᠠ ᠪᠦᠬᠦᠢ ᠪᠠᠶᠢᠳᠠᠯ ᠨᠢ | ᠬᠤᠳᠠᠯᠳᠤᠭᠠᠨ ᠤ ᠨᠢᠭᠤᠴᠠ ᠲᠠᠢ ᠬᠤᠯᠪᠤᠭᠳᠠᠪᠠᠯ ᠠᠮᠤ ᠪᠤᠳᠠᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠰᠠᠯᠠᠭ᠎ᠠ ᠮᠦᠴᠢᠷ ᠨᠢ ᠨᠢᠭᠤᠴᠠ ᠶᠢ ᠬᠠᠮᠠᠭᠠᠯᠠᠬᠤ ᠡᠭᠦᠷᠭᠡ ᠲᠠᠢ᠃ | ᠬᠤᠷᠢᠨ ᠨᠢᠭᠡᠳᠦᠭᠡᠷ ᠵᠦᠢᠯ ᠬᠤᠰᠢᠭᠤ ᠰᠢᠶᠠᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠮᠤ | ᠪᠤᠳᠠᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠠᠮᠤ ᠪᠤᠳᠠᠭ᠎ᠠ ᠶᠢᠨ ᠲᠤᠭ᠎ᠠ | ᠪᠦᠷᠢᠳᠬᠡᠯ ᠤᠨ ᠲᠤᠭᠳᠠᠭᠠᠯ ᠤᠨ ᠱᠠᠭᠠᠷᠳᠠᠯᠭ᠎ᠠ ᠶᠤᠰᠤᠭᠠᠷ ᠠᠮᠤ ᠪᠤᠳᠠᠭ᠎ᠠ ᠶᠢ ᠪᠦᠷᠢᠳᠬᠡᠵᠤ ᠪᠠᠶᠢᠴᠠᠭᠠᠠ᠂ ᠲᠤᠭ᠎ᠠ | ᠪᠦᠷᠢᠳᠬᠡᠯ ᠤᠨ ᠮᠡᠳᠡᠭᠦᠯᠦᠯᠳᠡ ᠶᠢᠨ ᠬᠦᠰᠦᠨᠦᠩ ᠵᠤᠬᠢᠶᠠᠬᠤ ᠶᠢᠨ ᠬᠠᠮᠳᠤ ᠲᠤᠭ᠎ᠠ ᠪᠦᠷᠢᠳᠬᠡᠯ ᠤᠨ ᠮᠡᠳᠡᠭᠦᠯᠦᠯᠳᠡ | ᠶᠢᠨ ᠬᠦᠰᠦᠨᠦᠭ ᠢᠶᠠᠨ ᠱᠠᠳᠤ ᠳᠠᠷᠠᠭᠠᠯᠠᠨ ᠳᠡᠭᠡᠭᠰᠢ ᠮᠡᠳᠡᠭᠦᠯᠬᠦ ᠬᠡᠷᠡᠭᠳᠡᠢ᠃ | ᠭᠤᠷᠪᠠᠳᠤᠭᠠᠷ ᠪᠦᠯᠦᠭ ᠬᠤᠷᠸ᠎ᠠ ᠲᠤᠬᠢᠷᠠᠭᠤᠯᠤᠯᠳᠠ | ᠬᠤᠷᠢᠨ ᠬᠤᠶᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠨᠢ | ᠨᠦᠭᠡᠴᠡᠯᠡᠬᠦ ᠠᠮᠤ ᠪᠤᠳᠠᠭ᠎ᠠ ᠤᠷᠤᠭᠤᠯᠵᠤ ᠭᠠᠷᠭᠠᠬᠤ᠂ ᠨᠠᠶᠢᠳᠠᠵᠤ ᠬᠤᠳᠠᠯᠳᠤᠨ ᠠᠪᠬᠤ᠂ ᠠᠮᠤ ᠪᠤᠳᠠᠭ᠎ᠠ ᠶᠢ | ᠭᠠᠳᠠᠭᠠᠳᠤ ᠳᠤ ᠭᠠᠷᠭᠠᠵᠤ ᠭᠠᠳᠠᠭᠠᠳᠤ ᠠᠴᠠ ᠤᠷᠤᠭᠤᠯᠬᠤ ᠵᠡᠷᠭᠡ ᠤᠯᠠᠨ ᠵᠦᠢᠯ ᠤᠨ ᠡᠵᠡᠩᠨᠡᠯᠳᠡ ᠶᠢᠨ ᠠᠷᠭ᠎ᠠ | ᠪᠠᠷᠢᠯ ᠪᠤᠯᠤᠨ ᠦᠨ᠎ᠡ ᠬᠠᠩᠰᠢ ᠶᠢᠨ ᠬᠦᠰᠢᠬᠦᠷᠭᠡ ᠵᠡᠷᠭᠡ ᠴᠢᠬᠤᠯᠠ ᠪᠦᠬᠦᠢ ᠵᠠᠰᠠᠭ ᠵᠠᠬᠢᠷᠭᠠᠨ ᠤ ᠠᠷᠭ᠎ᠠ ᠪᠠᠷᠢᠯ ᠢ | ᠠᠪᠴᠦ᠂ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠤᠷᠸ᠎ᠠ ᠲᠤᠬᠢᠷᠠᠭᠤᠯᠤᠯᠳᠠ ᠶᠢ ᠴᠢᠩᠭᠠᠳᠬᠠᠵᠤ᠂ ᠦᠪᠡᠷᠳᠡᠭᠡᠨ | ᠵᠠᠰᠠᠬᠤ ᠤᠷᠤᠨ ᠤ ᠠᠮᠤ ᠪᠤᠳᠠᠭ᠎ᠠ ᠶᠢᠨ ᠬᠠᠩᠭᠠᠯᠭ᠎ᠠ ᠬᠡᠷᠡᠭᠴᠡᠭᠡ ᠶᠢᠨ ᠶᠡᠷᠤᠩᠬᠡᠢ ᠬᠡᠮᠵᠢᠶ᠎ᠡ ᠦᠨᠳᠦᠰᠦᠨ ᠳᠡᠭᠡᠨ | ᠲᠡᠩᠴᠡᠭᠦᠷᠢ ᠲᠠᠢ ᠪᠠᠶᠢᠬᠤ ᠪᠠ ᠦᠨ᠎ᠡ ᠬᠠᠩᠰᠢ ᠶᠢᠨ ᠦᠨᠳᠦᠰᠦᠨ ᠳᠡᠭᠡᠨ ᠲᠤᠭᠳᠠᠭᠤᠨ ᠪᠠᠶᠢᠬᠤ ᠶᠢ ᠪᠠᠳᠤᠯᠠᠬᠤ | ᠬᠡᠷᠡᠭᠳᠡᠢ᠃ | ᠬᠤᠷᠢᠨ ᠭᠤᠷᠪᠠᠳᠤᠭᠠᠷ ᠵᠦᠢᠯ ᠲᠦᠷᠦ ᠶᠢᠨ ᠪᠤᠳᠤᠯᠭ᠎ᠠ ᠶᠢᠨ ᠴᠢᠨᠠᠷᠳᠡᠢ ᠭᠡᠷᠡᠭᠯᠡᠬᠦ ᠠᠮᠤ ᠪᠤᠳᠠᠭ᠎ᠠ ᠶᠢ | ᠬᠤᠳᠠᠯᠳᠤᠨ ᠠᠪᠬᠤ ᠪᠠ ᠪᠤᠷᠤᠯᠠᠭᠤᠯᠬᠤ ᠳᠤ ᠵᠠᠷᠴᠢᠮ ᠳᠡᠭᠡᠷ᠎ᠡ ᠪᠠᠨ ᠠᠮᠤ ᠪᠤᠳᠠᠭ᠎ᠠ ᠶᠢ ᠪᠦᠭᠡᠮ ᠢᠶᠠᠷ ᠬᠤᠳᠠᠯᠳᠤᠬᠤ | ᠵᠠᠬ᠎ᠠ ᠳᠡᠯᠭᠡᠭᠦᠷ ᠢᠶᠠᠷ ᠳᠠᠮᠵᠢᠭᠤᠯᠵᠤ ᠢᠯᠡ ᠪᠠᠷ ᠬᠤᠳᠠᠯᠳᠤᠨ ᠠᠪᠬᠤ ᠪᠤᠶᠤ ᠤᠯᠤᠰ ᠠᠴᠠ ᠲᠤᠭᠳᠠᠭᠠᠬᠰᠠᠠ | ᠪᠤᠰᠤᠳ ᠠᠷᠭ᠎ᠠ ᠬᠡᠯᠪᠡᠷᠢ ᠪᠠᠷ ᠬᠤᠳᠠᠯᠳᠤᠨ ᠠᠪᠴᠤ ᠴᠤ ᠪᠤᠯᠤᠨ᠎ᠠ᠃ | ᠬᠤᠷᠢᠨ ᠳᠦᠷᠪᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠮᠤ | ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦ ᠶᠢᠨ ᠲᠦᠷᠢᠮ ᠢ ᠳᠤᠬᠳᠠᠭᠠᠬᠤ ᠭᠡᠷᠡᠭᠲᠡᠢ᠃ ᠠᠮᠤ | ᠪᠤᠳᠠᠭ᠎ᠠ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦ ᠶᠢ ᠭᠤᠤᠯᠳᠠᠭᠤ ᠠᠮᠤ ᠪᠤᠳᠠᠭ᠎ᠠ ᠲᠠᠷᠢᠵᠤ ᠪᠠᠶᠢᠭ᠎ᠠ | ᠲᠠᠷᠢᠶᠠᠴᠢᠳ ᠲᠤ ᠰᠢᠭᠤᠳ ᠨᠦᠬᠦᠪᠦᠷᠢ ᠦᠭᠬᠦ᠂ ᠠᠮᠤ ᠪᠤᠳᠠᠭ᠎ᠠ ᠨᠦᠭᠡᠴᠡᠯᠡᠬᠦ ᠶᠢ ᠳᠡᠮᠵᠢᠬᠦ᠂ ᠠᠮᠤ ᠪᠤᠳᠠᠭᠠᠨ ᠤ | ᠵᠠᠬ᠎ᠠ ᠳᠡᠯᠭᠡᠭᠦᠷ ᠢ ᠲᠤᠭᠳᠠᠪᠦᠷᠢᠵᠢᠭᠤᠯᠬᠤ ᠵᠡᠷᠭᠡ ᠳᠤ ᠬᠡᠷᠡᠭᠯᠡᠵᠤ᠂ ᠪᠤᠳᠠᠳᠠᠢ ᠬᠡᠷᠡᠭᠯᠡᠬᠦ ᠠᠷᠭ᠎ᠠ ᠶᠢ ᠤᠯᠤᠰ ᠪᠤᠯᠤᠨ | ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠲᠤᠭᠳᠠᠭᠠᠯ ᠶᠤᠰᠤᠭᠠᠷ ᠬᠡᠷᠡᠭᠵᠢᠭᠦᠯᠦᠨ᠎ᠠ᠃ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠠᠮᠤ | ᠪᠤᠳᠠᠭᠠᠨ ᠤ ᠠᠶᠤᠯ ᠲᠦᠭᠰᠢᠭᠦᠷᠢ ᠶᠢᠨ ᠰᠠᠭᠤᠷᠢ ᠮᠦᠩᠭᠦᠨ ᠳᠤ ᠬᠢᠨᠠᠯᠳᠠ ᠳᠠᠯᠪᠢᠵᠤ ᠬᠠᠮᠢᠶᠠᠷᠬᠤ ᠠᠵᠢᠯ ᠢ | ᠬᠠᠷᠢᠭᠤᠴᠠᠵᠤ᠂ ᠲᠤᠰᠬᠠᠢ ᠮᠦᠩᠭᠦ ᠶᠢ ᠲᠤᠰᠬᠠᠢ ᠬᠡᠷᠡᠭᠯᠡᠬᠦ ᠶᠢ ᠪᠠᠲᠤᠯᠠᠬᠤ ᠬᠡᠷᠡᠭᠳᠡᠢ᠃ | ᠬᠤᠷᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠤᠷᠳᠤᠨ ᠨᠢ ᠠᠮᠤ ᠪᠤᠳᠠᠭ᠎ᠠ᠂ ᠡᠳ᠋ ᠤᠨ ᠵᠠᠰᠠᠭ᠂ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠡᠷᠡᠭᠦᠯ | ᠬᠠᠮᠠᠭᠠᠯᠠᠯ᠂ ᠶᠠᠰᠤ ᠴᠢᠨᠠᠷ ᠮᠡᠷᠭᠡᠵᠢᠯ ᠤᠨ ᠬᠢᠨᠠᠯᠳᠠ ᠳᠠᠯᠪᠢᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠦᠴᠢᠷ ᠢ | ᠵᠤᠬᠢᠶᠠᠨ ᠪᠠᠶᠢᠭᠤᠯᠵᠤ᠂ ᠲᠤᠰ ᠭᠠᠵᠠᠷ ᠤᠨ ᠢᠶᠠᠨ ᠪᠤᠳᠠᠳᠤ ᠪᠠᠶᠢᠳᠠᠯ ᠢᠶᠠᠨ ᠦᠨᠲᠦᠰᠦᠯᠡᠡ᠂ ᠲᠤᠰ ᠵᠠᠰᠠᠭ | ᠵᠠᠬᠢᠷᠭᠠᠨ ᠤ ᠬᠡᠪᠴᠢᠶᠡᠨ ᠳᠠᠬᠢ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠦᠰᠦᠪ ᠢ ᠳᠤᠭᠲᠠᠭᠠᠬᠤ | ᠬᠡᠷᠡᠭᠳᠡᠢ᠃ | ᠬᠤᠷᠢᠨ ᠵᠢᠷᠭᠤᠳᠤᠭᠠᠷ ᠵᠦᠢᠯ ᠬᠦᠨᠳᠦ ᠬᠡᠴᠡᠭᠦᠦ ᠪᠠᠶᠢᠭᠠᠯᠢ ᠶᠢᠨ ᠭᠠᠮᠰᠢᠭ᠂ ᠬᠦᠨᠳᠦ ᠬᠡᠴᠡᠭᠦᠦ ᠭᠡᠮ ᠭᠢᠵᠢᠭ | ᠪᠤᠶᠤ ᠪᠤᠰᠤᠳ ᠭᠡᠨᠡᠳᠳᠡ ᠡᠭᠦᠰᠦᠭᠰᠡᠡ ᠬᠡᠷᠡᠭ ᠠᠴᠠ ᠪᠤᠯᠵᠤ ᠠᠮᠤ ᠪᠤᠳᠠᠭᠠᠨ ᠤ ᠵᠠᠬ᠎ᠠ ᠳᠡᠯᠭᠡᠭᠦᠷ ᠤᠨ ᠬᠠᠩᠭᠠᠯᠭ᠎ᠠ | ᠭᠡᠷᠡᠭᠴᠡᠭᠡᠡ ᠳᠤ ᠬᠡᠪ ᠤᠨ ᠪᠤᠰᠤ ᠪᠠᠶᠢᠳᠠᠯ ᠭᠠᠷᠬᠤ ᠦᠶ᠎ᠠ ᠳᠤ᠂ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠠᠷᠠᠳ ᠤᠨ ᠵᠠᠰᠠᠭ ᠤᠨ ᠤᠷᠳᠤᠨ ᠠᠴᠠ ᠠᠮᠤ ᠪᠤᠳᠠᠭᠠᠨ ᠤ ᠪᠠᠴᠢᠮ ᠪᠠᠶᠢᠳᠠᠯ ᠢ ᠠᠷᠭᠠᠴᠠᠬᠤ ᠲᠦᠰᠦᠪ ᠢ | ᠬᠡᠷᠡᠭᠵᠢᠭᠦᠯᠬᠦ ᠬᠡᠷᠡᠭᠳᠡᠢ᠃ | ᠬᠤᠷᠢᠨ ᠲᠤᠯᠤᠳᠤᠭᠠᠷ ᠵᠥᠢᠯ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ | ᠬᠡᠷᠡᠭᠵᠢᠬᠦᠯᠦᠭᠰᠡᠨ ᠤ ᠲᠠᠷᠠᠭ᠎ᠠ᠂ ᠠᠮᠤ ᠪᠤᠳᠠᠭ᠎ᠠ ᠡᠵᠡᠩᠨᠡᠭᠴᠢᠳ ᠪᠠᠴᠢᠮ ᠠᠷᠭᠠᠴᠠᠬᠤ ᠡᠬᠦᠷᠭᠡ ᠶᠢ ᠡᠬᠦᠷᠭᠡᠯᠡᠨ᠂ | ᠨᠢᠬᠡᠲᠦᠯᠲᠡᠢ ᠲᠤᠬᠢᠷᠠᠭᠤᠯᠭ᠎ᠠ ᠪᠠ ᠰᠢᠯᠵᠢᠬᠦᠯᠤᠯᠲᠡ ᠶᠢ ᠲᠠᠭᠠᠵᠦ᠂ ᠪᠠᠴᠢᠮ ᠪᠠᠶᠢᠳᠠᠯ ᠢ ᠠᠷᠭᠠᠴᠠᠬᠤ ᠠᠵᠢᠯ ᠤᠨ | ᠬᠡᠷᠡᠭᠴᠡᠭᠡ ᠶᠢ ᠪᠠᠲᠤᠯᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠥᠢᠯ ᠤᠯᠤᠰ ᠠᠴᠠ ᠶᠠᠮᠠᠷ ᠨᠢᠬᠡᠨ ᠲᠦᠷᠦᠯ ᠤᠨ ᠠᠮᠤ ᠪᠤᠳᠠᠭ᠎ᠠ ᠶᠢ ᠬᠠᠮᠤᠬ ᠲᠤᠤᠷ᠎ᠠ | ᠦᠨ᠎ᠠ ᠪᠠᠷ ᠬᠤᠳᠠᠯᠳᠤᠨ ᠠᠪᠬᠤ ᠪᠠᠷ ᠳᠤᠬᠳᠠᠭᠠᠬᠤ ᠦᠶ᠎ᠠ ᠳᠤ᠂ ᠬᠤᠰᠢᠭᠤ ᠰᠢᠶᠠᠨ ᠠᠴᠠ ᠲᠡᠭᠡᠭᠰᠢᠭᠢ ᠱᠠᠲᠤᠨ ᠤ | ᠠᠷᠠᠳ ᠤᠨ ᠵᠠᠰᠠᠬ ᠤᠨ ᠤᠷᠳᠤᠨ ᠤ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ | ᠠᠴᠠ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠪᠦᠬᠦᠢ ᠡᠵᠡᠩᠨᠡᠭᠴᠢ ᠳᠤ ᠨᠠᠶᠢᠳᠠᠵᠤ ᠬᠤᠳᠠᠯᠳᠤᠨ ᠠᠪᠬᠤ | ᠠᠵᠢᠯ ᠢ ᠵᠤᠬᠢᠶᠠᠨ ᠪᠠᠶᠢᠭᠤᠯᠵᠦ ᠪᠤᠯᠤᠨ᠎ᠠ᠃ ᠲᠠᠷᠢᠶᠠᠴᠢᠳ ᠤᠨ ᠬᠠᠮᠤᠬ ᠤᠨ ᠲᠤᠤᠷ᠎ᠠ ᠬᠤᠳᠠᠯᠳᠤᠨ ᠠᠪᠬᠤ ᠦᠨ᠎ᠠ | ᠪᠠᠷ ᠬᠤᠳᠠᠯᠳᠤᠬᠰᠠᠨ ᠤᠯᠤᠰ ᠤᠨ ᠶᠠᠰᠤ ᠴᠢᠨᠠᠷ ᠤᠨ ᠪᠠᠷᠢᠮᠵᠢᠶ᠎ᠠ ᠳᠤ ᠨᠡᠶᠢᠴᠡᠬᠦ ᠠᠮᠤ ᠪᠤᠳᠠᠭ᠎ᠠ ᠶᠢ ᠨᠠᠶᠢᠳᠠᠯᠭ᠎ᠠ ᠪᠠᠷ | ᠠᠮᠤ ᠪᠤᠳᠠᠭ᠎ᠠ ᠬᠤᠳᠠᠯᠳᠤᠨ ᠠᠪᠤᠬᠴᠢ ᠬᠤᠳᠠᠯᠳᠤᠨ ᠠᠪᠬᠤ ᠦᠬᠡᠢ ᠪᠠᠶᠢᠵᠤ ᠪᠤᠯᠬᠤ ᠦᠬᠡᠢ᠃ ᠨᠠᠶᠢᠳᠠᠯᠭ᠎ᠠ ᠪᠠᠷ | ᠠᠮᠤ ᠪᠤᠳᠠᠭ᠎ᠠ ᠬᠤᠳᠠᠯᠳᠤᠨ ᠠᠪᠤᠬᠴᠢ ᠠᠴᠠ ᠬᠤᠳᠠᠯᠳᠤᠨ ᠠᠪᠬᠤ ᠡᠬᠦᠷᠭᠡ ᠪᠠᠨ ᠪᠡᠶᠡᠯᠡᠬᠦᠯᠬᠦ ᠶᠢᠨ ᠬᠠᠮᠲᠤ ᠵᠤᠬᠢᠬᠤ | ᠡᠷᠬᠡ ᠠᠰᠢᠬ ᠢ ᠡᠳ᠋ᠯᠡᠨ᠎ᠠ᠃ | ᠬᠤᠷᠢᠨ ᠶᠢᠰᠦᠳᠦᠬᠡᠷ ᠵᠥᠢᠯ ᠬᠤᠰᠢᠭᠤ ᠰᠢᠶᠠᠨ ᠠᠴᠠ ᠲᠡᠭᠡᠭᠰᠢᠭᠢ ᠱᠠᠲᠤᠨ ᠤ ᠠᠷᠠᠳ ᠤᠨ ᠵᠠᠰᠠᠬ ᠤᠨ | ᠤᠷᠳᠤᠨ ᠤ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠲᠠᠷᠢᠶᠠᠯᠠᠩ ᠮᠠᠯ | ᠠᠵᠤ ᠠᠬᠤᠢ᠂ ᠲᠤᠭ᠎ᠠ ᠪᠦᠷᠢᠳᠭᠡᠯ᠂ ᠦᠨ᠎ᠠ ᠬᠠᠩᠰᠢ᠂ ᠡᠳ᠋ ᠤᠨ ᠵᠠᠰᠠᠬ᠂ ᠶᠠᠰᠤ ᠴᠢᠨᠠᠷ ᠮᠡᠷᠬᠡᠵᠢᠯ ᠤᠨ ᠬᠢᠨᠠᠯᠲᠠ | ᠳᠠᠯᠪᠢᠬᠤ ᠵᠡᠷᠬᠡ ᠰᠠᠯᠠᠭ᠎ᠠ ᠮᠦᠴᠢᠷ ᠲᠠᠢ ᠬᠠᠮᠲᠤᠷᠠᠠ ᠲᠤᠰ ᠵᠠᠰᠠᠬ ᠵᠠᠬᠢᠷᠭᠠᠨ ᠤ ᠤᠷᠤᠨ ᠲᠤᠭᠤᠷᠢᠭ ᠤᠨ ᠳᠤᠳᠤᠷᠡᠬᠢ | ᠠᠮᠤ ᠪᠤᠳᠠᠭᠠᠨ ᠤ ᠵᠠᠬ᠎ᠠ ᠲᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠪᠠᠶᠢᠳᠠᠯ ᠤᠨ ᠬᠢᠨᠠᠨ ᠬᠡᠮᠵᠢᠯᠲᠡ ᠪᠠ | ᠤᠷᠢᠳᠴᠢᠯᠠᠨ ᠰᠡᠷᠡᠮᠵᠢᠯᠡᠬᠦᠯᠬᠦ ᠵᠠᠳᠠᠯᠤᠯᠲᠠ ᠬᠢᠬᠦ ᠶᠢ ᠬᠠᠷᠢᠭᠤᠴᠠᠵᠦ᠂ ᠠᠮᠤ ᠪᠤᠳᠠᠭᠠᠨ ᠤ ᠬᠠᠩᠭᠠᠯᠭ᠎ᠠ ᠬᠡᠷᠡᠭᠴᠡᠭᠡ | ᠶᠢᠨ ᠪᠠᠶᠢᠳᠠᠯ ᠢ ᠰᠤᠭᠤᠴᠢᠨ ᠪᠠᠶᠢᠴᠠᠭᠠᠬᠤ ᠲᠦᠷᠢᠮ ᠳᠤᠬᠳᠠᠭᠠᠠ᠂ ᠠᠮᠤ ᠪᠤᠳᠠᠭᠠᠠ ᠤ ᠦᠢᠯᠡᠳᠪᠦᠷᠢᠯᠡᠯ᠂ ᠬᠡᠷᠡᠭᠯᠡᠭᠡ᠂ | ᠦᠨ᠎ᠠ ᠬᠠᠩᠰᠢ᠂ ᠶᠠᠰᠤ ᠴᠢᠨᠠᠷ ᠵᠡᠷᠭᠡ ᠮᠡᠳᠡᠭᠡ ᠵᠠᠩᠬᠢ ᠶᠢ ᠨᠡᠶᠢᠲᠡᠯᠡᠨ᠎ᠠ᠃ | ᠲᠦᠷᠪᠡᠳᠦᠭᠡᠷ ᠪᠦᠯᠦᠭ ᠬᠢᠨᠠᠯᠲᠠ ᠳᠠᠯᠪᠢᠵᠤ ᠪᠠᠶᠢᠴᠠᠭᠠᠬᠤ | ᠭᠤᠴᠢᠳᠤᠭᠠᠷ ᠵᠥᠢᠯ ᠠᠮᠤ ᠪᠤᠳᠠᠭᠠᠠ ᠤ ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ | ᠲᠤᠤᠷᠠᠬᠢ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠶᠢ ᠬᠠᠤᠯᠢ ᠶᠤᠰᠤᠭᠠᠷ ᠬᠢᠨᠠᠯᠲᠠ ᠳᠠᠯᠪᠢᠵᠤ ᠪᠠᠶᠢᠴᠠᠭᠠᠨ᠎ᠠ᠄ ︵ᠨᠢᠬᠡ | ︶ ᠠᠮᠤ ᠪᠤᠳᠠᠭ᠎ᠠ ᠬᠤᠳᠠᠯᠳᠤᠨ ᠠᠪᠬᠤ ᠬᠢᠷᠢ ᠬᠡᠮ ᠪᠠ ᠤᠯᠤᠰ ᠤᠨ ᠠᠮᠤ ᠪᠤᠳᠠᠭ᠎ᠠ ᠶᠢᠨ ᠬᠠᠤᠯᠢ ᠴᠠᠭᠠᠵᠠ᠂ ᠬᠠᠤᠯᠢ | ᠲᠦᠷᠢᠮ ᠢ ᠬᠡᠷᠡᠭᠵᠢᠬᠦᠯᠦᠭᠰᠡᠨ ᠪᠠᠶᠢᠳᠠᠯ᠃ ︵ᠬᠤᠶᠠᠷ︶ ᠠᠮᠤ ᠪᠤᠳᠠᠭ᠎ᠠ ᠨᠦᠬᠡᠴᠡᠯᠡᠬᠦ᠂ ᠵᠦᠬᠡᠬᠡᠪᠦᠷᠢᠯᠡᠬᠦ | ᠮᠡᠷᠬᠡᠵᠢᠯ ᠤᠨ ᠪᠠᠷᠢᠮᠵᠢᠶ᠎ᠠ ᠪᠠ ᠲᠦᠷᠢᠮᠵᠢᠯ ᠢ ᠬᠡᠷᠡᠭᠵᠢᠬᠦᠯᠦᠭᠰᠡᠨ ᠪᠠᠶᠢᠳᠠᠯ᠃ ︵ᠭᠤᠷᠪᠠ︶ ᠠᠮᠤ ᠪᠤᠳᠠᠭ᠎ᠠ | ᠪᠤᠷᠤᠯᠠᠭᠤᠯᠵᠤ ᠬᠦᠮᠦᠷᠭᠡ ᠠᠴᠠ ᠭᠠᠷᠭᠠᠬᠤ ᠶᠠᠰᠤ ᠴᠢᠨᠠᠷ ᠤᠨ ᠰᠢᠯᠭᠠᠨ ᠪᠠᠶᠢᠴᠠᠭᠠᠬᠤ ᠲᠦᠷᠢᠮ ᠢ ᠬᠡᠷᠡᠭᠵᠢᠬᠦᠯᠦᠭᠰᠡᠨ | ᠪᠠᠶᠢᠳᠠᠯ᠃ ︵ᠲᠦᠷᠪᠡ︶ ᠠᠮᠤ ᠪᠤᠳᠠᠭᠠᠨ ᠤ ᠬᠦᠢᠯᠬᠡᠬᠡᠨ ᠤ ᠲᠤᠭ᠎ᠠ ᠪᠦᠷᠢᠳᠭᠡᠯ ᠤᠨ ᠲᠦᠷᠢᠮ ᠢ ᠬᠡᠷᠡᠭᠵᠢᠬᠦᠯᠦᠭᠰᠡᠨ | ᠪᠠᠶᠢᠳᠠᠯ᠃ ︵ᠲᠠᠪᠤ︶ ᠠᠮᠤ ᠪᠤᠳᠠᠭ᠎ᠠ ᠬᠤᠳᠠᠯᠳᠤᠨ ᠠᠪᠬᠤ᠂ ᠡᠳ᠋ᠰᠢᠬᠦᠯᠬᠦ᠂ ᠬᠤᠪᠢᠷᠠᠭᠤᠯᠬᠤ ᠪᠠ ᠡᠳ᠋ᠰᠢᠬᠦᠯᠦᠭᠰᠡᠨ | ᠠᠮᠤ ᠪᠤᠳᠠᠭ᠎ᠠ ᠶᠢ ᠪᠦᠬᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠠᠵᠦ ᠠᠬᠤᠢᠢᠯᠠᠯ ᠤᠨ ᠬᠠᠮᠤᠬ ᠲᠤᠤᠷ᠎ᠠ | ᠬᠦᠮᠦᠷᠭᠡ ᠳᠤ ᠬᠠᠳᠠᠭᠠᠯᠠᠬᠤ ᠬᠡᠮᠵᠢᠶ᠎ᠠ ᠶᠢᠨ ᠲᠤᠭᠲᠠᠭᠠᠯ ᠢ ᠬᠡᠷᠡᠭᠵᠢᠬᠦᠯᠦᠭᠰᠡᠨ ᠪᠠᠶᠢᠳᠠᠯ᠃ ︵ᠵᠢᠷᠭᠤᠭ᠎ᠠ︶ ᠲᠦᠷᠦ | ᠶᠢᠨ ᠪᠤᠳᠤᠯᠭ᠎ᠠ ᠶᠢᠨ ᠴᠢᠨᠡᠷᠲᠡᠢ ᠬᠡᠷᠡᠭᠯᠡᠬᠦ ᠠᠮᠤ ᠪᠤᠳᠠᠭ᠎ᠠ ᠬᠤᠳᠠᠯᠳᠤᠨ ᠠᠪᠴᠤ ᠪᠤᠷᠤᠯᠠᠭᠤᠯᠬᠤ ᠠᠵᠢᠯᠯᠠᠭ᠎ᠠ ᠶᠢ | ᠬᠦᠢᠴᠡᠳᠭᠡᠭᠰᠡᠡ ᠪᠠᠶᠢᠳᠠᠯ᠃ ︵ᠲᠤᠯᠤᠭ᠎ᠠ︶ ᠠᠮᠤ ᠪᠤᠳᠠᠭ᠎ᠠ ᠶᠢᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ | ᠭᠡᠷᠡᠭᠵᠢᠬᠦᠯᠦᠭᠰᠡᠨ ᠪᠠᠶᠢᠳᠠᠯ᠃ ︵ᠨᠠᠢᠮᠠ︶ ᠬᠠᠤᠯᠢ ᠴᠠᠭᠠᠵᠠ᠂ ᠲᠦᠷᠢᠮ ᠲᠤᠬᠲᠠᠭᠠᠯ ᠳᠤ ᠬᠢᠨᠠᠯᠳᠠ ᠳᠠᠯᠪᠢᠵᠤ | ᠪᠠᠶᠢᠴᠠᠭᠠᠬᠤ ᠪᠠᠷ ᠳᠤᠬᠳᠠᠭᠠᠬᠰᠠᠠ ᠪᠤᠰᠤᠳ ᠵᠥᠢᠯ᠃ | ᠭᠤᠴᠢᠨ ᠨᠢᠬᠡᠳᠦᠭᠡᠷ ᠵᠥᠢᠯ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠶᠠᠰᠤ ᠴᠢᠨᠠᠷ ᠮᠡᠷᠬᠡᠵᠢᠯ ᠤᠨ | ᠬᠢᠨᠠᠯᠲᠠ ᠲᠠᠯᠪᠢᠬᠤ ᠪᠠ ᠡᠷᠡᠬᠦᠯ ᠬᠠᠮᠠᠭᠠᠯᠠᠯ ᠤᠨ ᠰᠠᠯᠠᠭ᠎ᠠ ᠮᠦᠴᠢᠷ ᠡᠬᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ | ᠢᠶᠠᠨ ᠦᠨᠳᠦᠰᠦᠯᠡᠨ᠂ ᠬᠠᠤᠯᠢ ᠶᠤᠰᠤᠭᠠᠷ ᠠᠮᠤ ᠪᠤᠳᠠᠭ᠎ᠠ ᠡᠵᠡᠩᠨᠡᠬᠦ ᠠᠵᠢᠯᠯᠠᠭ᠎ᠠ ᠳᠤ ᠬᠢᠨᠠᠯᠲᠠ ᠳᠠᠯᠪᠢᠵᠤ | ᠪᠠᠶᠢᠴᠠᠭᠠᠬᠤ ᠭᠡᠷᠡᠭᠲᠡᠢ᠃ ᠠᠮᠤ ᠪᠤᠳᠠᠭ᠎ᠠ ᠶᠢᠨ ᠬᠦᠢᠯᠬᠡᠬᠡᠨ ᠳᠤ ᠬᠢᠨᠠᠯᠳᠠ ᠳᠠᠯᠪᠢᠵᠤ ᠪᠠᠶᠢᠴᠠᠭᠠᠬᠤ ᠬᠠᠮᠢᠶ᠎ᠠ ᠪᠦᠬᠦᠢ | ᠰᠠᠯᠠᠭ᠎ᠠ ᠮᠦᠴᠢᠷ ᠨᠢ ᠬᠢᠨᠠᠯᠳᠠ ᠳᠠᠯᠪᠢᠵᠤ ᠪᠠᠶᠢᠴᠠᠭᠠᠬᠤ ᠠᠵᠢᠯ ᠤᠨ ᠵᠤᠬᠢᠴᠠᠭᠤᠯᠬᠤ ᠲᠤᠭᠲᠠᠴᠠ ᠪᠠᠶᠢᠭᠤᠯᠵᠦ᠂ ᠠᠮᠤ | ᠪᠤᠳᠠᠭ᠎ᠠ ᠶᠢᠨ ᠬᠦᠢᠯᠬᠡᠬᠡᠡ ᠳᠤ ᠬᠢᠨᠠᠯᠳᠠ ᠳᠠᠯᠪᠢᠵᠤ ᠪᠠᠶᠢᠴᠠᠭᠠᠬᠰᠠᠠ ᠬᠠᠮᠢᠶ᠎ᠠ ᠪᠦᠬᠦᠢ ᠪᠠᠶᠢᠳᠠᠯ ᠢᠶᠠᠨ ᠲᠤᠬᠲᠠᠬᠰᠠᠨ | ᠬᠤᠭᠤᠴᠠᠭ᠎ᠠ ᠲᠠᠢ ᠪᠠᠷ ᠰᠤᠯᠢᠯᠴᠠᠵᠤ ᠮᠡᠳᠡᠬᠦᠯᠬᠦ ᠭᠡᠷᠡᠭᠲᠡᠢ᠃ | ᠭᠤᠴᠢᠨ ᠬᠤᠶᠠᠳᠤᠭᠠᠷ ᠵᠥᠢᠯ ᠠᠮᠤ ᠪᠤᠳᠠᠭ᠎ᠠ ᠶᠢᠨ ᠬᠦᠢᠯᠬᠡᠬᠡᠨ ᠳᠤ ᠬᠢᠨᠠᠯᠳᠠ ᠳᠠᠯᠪᠢᠵᠤ ᠪᠠᠶᠢᠴᠠᠭᠠᠬᠤ | ᠠᠵᠢᠯᠲᠠᠳ ᠠᠴᠠ ᠬᠢᠨᠠᠯᠳᠠ ᠳᠠᠯᠪᠢᠵᠤ ᠪᠠᠶᠢᠴᠠᠭᠠᠬᠤ ᠳᠠᠭᠠᠨ᠂ ᠦᠪᠡᠷᠲᠡᠭᠡᠨ ᠵᠠᠰᠠᠬᠤ ᠤᠷᠤᠨ ᠤ ᠠᠷᠠᠳ ᠤᠨ | ᠵᠠᠰᠠᠬ ᠤᠨ ᠤᠷᠳᠤᠨ ᠠᠴᠠ ᠤᠯᠭᠤᠬᠰᠠᠨ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠬ | ᠵᠠᠬᠢᠷᠭᠠᠨ ᠤ ᠬᠠᠤᠯᠢ ᠬᠡᠷᠡᠭᠵᠢᠬᠦᠯᠬᠦ ᠦᠨᠡᠮᠯᠡᠯ︾ ᠢᠶᠠᠨ ᠭᠠᠷᠭᠠᠬᠤ ᠬᠡᠷᠡᠭᠲᠡᠢ᠂ ᠬᠠᠤᠯᠢ ᠬᠡᠷᠡᠭᠵᠢᠬᠦᠯᠬᠦ ᠦᠨᠡᠮᠯᠡᠯ ᠢᠶᠠᠨ | ᠭᠠᠷᠭᠠᠬᠤ ᠦᠬᠡᠢ ᠪᠤᠯ ᠪᠠᠶᠢᠴᠠᠭᠠᠬᠳᠠᠭᠴᠢ ᠪᠠᠶᠢᠴᠠᠭᠠᠯᠭᠠᠬᠤ ᠦᠬᠡᠢ ᠪᠠᠶᠢᠬᠤ ᠡᠷᠭᠡ ᠲᠠᠢ᠃ ᠠᠮᠤ ᠪᠤᠳᠠᠭ᠎ᠠ ᠶᠢᠨ | ᠵᠠᠰᠠᠬ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠵᠢᠴᠢ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠯᠳᠠ | ᠳᠠᠯᠪᠢᠵᠤ ᠪᠠᠶᠢᠴᠠᠭᠠᠬᠤ ᠳᠤ ᠠᠮᠤ ᠪᠤᠳᠠᠭ᠎ᠠ ᠡᠵᠡᠩᠨᠡᠭᠴᠢ ᠶᠢᠨ ᠬᠡᠪ ᠤᠨ ᠦᠢᠯᠡᠳᠪᠥᠷᠢᠯᠡᠯ ᠡᠵᠡᠩᠨᠡᠯᠲᠡ ᠶᠢᠨ | ᠠᠵᠢᠯᠯᠠᠭ᠎ᠠ ᠶᠢ ᠬᠠᠷᠰᠢᠯᠠᠵᠤ ᠪᠤᠯᠬᠤ ᠦᠭᠡᠢ᠃ ᠠᠮᠤ ᠪᠤᠳᠠᠭ᠎ᠠ ᠶᠢᠨ ᠬᠦᠢᠯᠭᠡᠭᠡᠡ ᠳᠤ ᠬᠢᠨᠠᠯᠳᠠ ᠳᠠᠯᠪᠢᠵᠤ | ᠪᠠᠶᠢᠴᠠᠭᠠᠬᠤ ᠬᠦᠮᠥᠰ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠵᠦ᠂ ᠪᠠᠶᠢᠴᠠᠭᠠᠬᠳᠠᠬᠴᠢ ᠨᠢ | ᠬᠠᠮᠵᠢᠯᠴᠠᠪᠠᠯ ᠵᠤᠬᠢᠨ᠎ᠠ᠃ ᠶᠠᠮᠠᠷᠪᠠ ᠨᠢᠬᠡᠴᠡ ᠪᠠ ᠬᠤᠪᠢ ᠬᠦᠮᠦᠨ ᠠᠮᠤ ᠪᠤᠳᠠᠭ᠎ᠠ ᠶᠢᠨ ᠬᠦᠢᠯᠭᠡᠭᠡᠨ ᠳᠤ ᠬᠢᠨᠠᠯᠳᠠ | ᠳᠠᠯᠪᠢᠵᠤ ᠪᠠᠶᠢᠴᠠᠭᠠᠬᠤ ᠠᠵᠢᠯᠲᠠᠳ ᠤᠨ ᠬᠠᠤᠯᠢ ᠶᠤᠰᠤᠭᠠᠷ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠶᠢ | ᠬᠦᠯᠢᠶᠡᠬᠦ ᠦᠭᠡᠢ᠂ ᠬᠠᠷᠰᠢᠯᠠᠵᠤ᠂ ᠬᠠᠯᠳᠠᠵᠦ ᠪᠤᠯᠬᠤ ᠦᠬᠡᠢ᠃ | ᠲᠠᠪᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠭᠤᠷᠪᠠᠳᠤᠭᠠᠷ ᠵᠥᠢᠯ ᠲᠤᠰ ᠠᠷᠭ᠎ᠠ ᠶᠢᠨ ᠲᠤᠭᠲᠠᠭᠠᠯ ᠢ ᠵᠦᠷᠢᠴᠡᠭᠰᠡᠨ ᠠᠵᠢᠯᠯᠠᠭ᠎ᠠ ᠶᠢ ᠲᠦᠷᠦ ᠶᠢᠨ | ᠶᠠᠪᠤᠳᠠᠯ ᠤᠨ ᠬᠤᠷᠢᠶ᠎ᠠ ᠶᠢᠨ ︽ᠠᠮᠤ ᠪᠤᠳᠠᠭ᠎ᠠ ᠶᠢᠨ ᠬᠦᠢᠯᠬᠡᠬᠡ ᠶᠢᠨ ᠬᠠᠮᠢᠶᠠᠷᠤᠯᠲᠠ ᠶᠢᠨ ᠲᠦᠷᠢᠮ︾ ᠵᠢᠴᠢ ᠬᠠᠮᠢᠶ᠎ᠠ | ᠪᠦᠬᠦᠢ ᠬᠠᠤᠯᠢ ᠴᠠᠭᠠᠵᠠ᠂ ᠬᠠᠤᠯᠢ ᠲᠦᠷᠢᠮ ᠳᠤ ᠲᠤᠷᠭᠠᠬᠤ ᠲᠤᠭᠲᠠᠭᠠᠯ ᠲᠠᠢ ᠪᠤᠯ᠂ ᠳᠤᠬᠳᠠᠭᠠᠯ ᠶᠤᠰᠤᠭᠠᠷ | ᠭᠡᠷᠡᠭᠵᠢᠬᠦᠯᠥᠨ᠎ᠠ᠃ | ᠭᠤᠴᠢᠨ ᠲᠦᠷᠪᠡᠳᠦᠬᠡᠷ ᠵᠥᠢᠯ ᠲᠤᠰ ᠠᠷᠭ᠎ᠠ ᠶᠢᠨ ᠠᠷᠪᠠᠨ ᠨᠢᠬᠡᠳᠦᠬᠡᠷ ᠵᠥᠢᠯ ᠤᠨ ᠨᠢᠭᠡᠲᠦᠭᠡᠷ ᠵᠤᠷᠪᠤᠰ | ᠳᠤᠬᠳᠠᠭᠠᠯ ᠢ ᠵᠦᠷᠢᠴᠡᠵᠤ᠂ ᠬᠦᠴᠦᠨ ᠪᠦᠬᠦᠢ ᠬᠤᠭᠤᠴᠠᠭᠠᠠ ᠲᠤᠲᠤᠷ᠎ᠠ ᠵᠦᠪᠰᠢᠶᠡᠷᠡᠭᠰᠡᠨ ᠵᠥᠢᠯ ᠢᠶᠠᠨ | ᠬᠤᠪᠢᠷᠠᠭᠤᠯᠤᠬᠰᠠᠨ ᠴᠤ᠂ ᠬᠤᠪᠢᠷᠠᠭᠤᠯᠬᠤ ᠭᠠᠷ ᠬᠦᠢᠴᠡᠳᠭᠡᠯ ᠬᠢᠭᠡᠲᠦᠢ ᠪᠤᠯ᠂ ᠠᠮᠤ ᠪᠤᠳᠠᠭ᠎ᠠ ᠶᠢᠨ ᠵᠠᠰᠠᠬ | ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠠᠴᠠ ᠵᠠᠷᠯᠢᠬᠳᠠᠵᠤ ᠬᠤᠪᠢᠷᠠᠭᠤᠯᠤᠨ᠎ᠠ᠂ ᠬᠤᠭᠤᠴᠠᠭ᠎ᠠ ᠨᠢ | ᠦᠩᠬᠡᠷᠡᠭᠰᠡᠡ ᠪᠠᠶᠢᠳᠠᠯ᠎ᠠ ᠬᠤᠪᠢᠷᠠᠭᠤᠯᠤᠭᠠᠲᠦᠢ ᠪᠤᠯ ᠨᠢᠬᠡ ᠮᠢᠩᠭᠠᠨ ᠲᠦᠬᠦᠷᠢᠭ ᠠᠴᠠ ᠲᠡᠭᠡᠭᠰᠢ ᠨᠢᠬᠡ ᠲᠦᠮᠡᠨ | ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠭᠤᠴᠢᠨ ᠲᠠᠪᠣᠳᠣᠭᠠᠷ ᠵᠦᠢᠯ ᠲᠣᠰ ᠠᠷᠭ᠎ᠠ ᠶᠢᠨ ᠲᠣᠭᠳᠠᠭᠠᠯ ᠢ ᠵᠦᠷᠢᠴᠡᠵᠤ᠂ ᠲᠣᠣᠷᠠᠬᠢ ᠠᠵᠢᠯᠯᠠᠭ᠎ᠠ ᠶᠢᠨ | ᠨᠢᠬᠡ ᠶᠢ ᠦᠢᠯᠡᠳᠦᠭᠰᠡᠨ ᠪᠠᠶᠢᠪᠠᠯ᠂ ᠠᠮᠣ ᠪᠣᠳᠠᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ | ᠵᠠᠷᠯᠢᠬᠳᠡᠨ ᠦᠭᠡᠷᠡᠴᠢᠯᠡᠬᠦ ᠶᠢ ᠰᠠᠨᠠᠭᠤᠯᠵᠦ᠂ 5000 ᠲᠦᠭᠦᠷᠢᠭ ᠠᠴᠠ ᠲᠡᠭᠡᠭᠰᠢ 2 ᠲᠦᠮᠡᠨ ᠲᠦᠭᠦᠷᠢᠭ ᠠᠴᠠ | ᠲᠣᠷᠣᠭᠰᠢ ᠲᠣᠷᠭᠠᠨ᠎ᠠ︔ ᠶᠡᠯ᠎ᠠ ᠭᠢᠬᠦ ᠬᠡᠮᠵᠢᠶᠡᠡ ᠳᠤ ᠬᠦᠷᠦᠭᠰᠡᠡ ᠪᠤᠯ ᠠᠴᠠ ᠬᠠᠣᠯᠢ ᠶᠣᠰᠣᠭᠠᠷ ᠡᠷᠡᠬᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠠ᠄ ︵ᠨᠢᠬᠡ︶ ᠠᠮᠣ ᠪᠣᠳᠠᠭ᠎ᠠ ᠬᠤᠳᠠᠯᠳᠣᠨ ᠠᠪᠬᠤ ᠵᠦᠪᠰᠢᠶᠡᠷᠡᠯ ᠤᠨ ᠦᠨᠡᠮᠯᠡᠯ ᠢ | ᠬᠠᠭᠤᠷᠮᠠᠭ ᠵᠣᠬᠢᠶᠠᠬᠰᠠᠨ᠂ ᠪᠡᠯᠡᠯᠡᠨ ᠵᠠᠰᠠᠭᠰᠠᠨ᠂ ᠬᠤᠳᠠᠯᠳᠣᠭᠰᠠᠨ᠂ ᠰᠢᠯᠵᠢᠬᠦᠯᠦᠭᠰᠡᠨ᠂ ᠲᠦᠷᠢᠶᠠᠰᠣᠯᠠᠬᠦᠯᠦᠭᠰᠡᠨ᠂ | ᠵᠢᠬᠡᠯᠡᠬᠦᠯᠦᠭᠰᠡᠨ᠃ ︵ᠬᠤᠶᠡᠷ︶ ᠠᠮᠣ ᠪᠣᠳᠠᠭ᠎ᠠ ᠬᠢᠭᠡᠳ ᠠᠮᠣ ᠪᠣᠳᠠᠭᠠᠨ ᠶᠢ ᠪᠤᠬᠢᠷᠳᠤᠭᠤᠯᠵᠤ ᠮᠡᠳᠡᠬᠦ ᠪᠤᠳᠠᠰ ᠢ | ᠴᠤᠭ ᠬᠠᠳᠠᠭᠠᠯᠠᠭᠰᠠᠨ᠃ ︵ᠭᠤᠷᠪᠠ︶ ᠢᠯᠵᠠᠷᠠᠵᠦ ᠬᠤᠷᠣᠬᠠᠢᠢᠳᠠᠭᠠᠳ ᠣᠯᠣᠰ ᠤᠨ ᠪᠠᠷᠢᠮᠵᠢᠶ᠎ᠠ ᠠᠴᠠ ᠬᠡᠳᠦᠷᠡᠭᠰᠡᠨ | ᠠᠮᠣ ᠪᠣᠳᠠᠭ᠎ᠠ ᠠᠰ ᠲᠤᠨᠢ ᠬᠠᠳᠠᠭᠠᠯᠠᠭᠰᠠᠨ ᠦᠬᠡᠢ᠃ ︵ᠲᠦᠷᠪᠡ︶ ᠣᠯᠣᠰ ᠤᠨ ᠲᠣᠭᠳᠠᠭᠠᠯ ᠳᠤ ᠲᠣᠭᠳᠠᠭᠠᠭᠰᠠᠨ | ᠵᠦᠢᠯ ᠠᠴᠠ ᠭᠠᠳᠠᠨᠠᠬᠢ ᠬᠢᠮᠢ ᠶᠢᠨ ᠡᠮ ᠪᠣᠶᠣ ᠬᠢᠮᠢ ᠶᠢᠨ ᠡᠮ ᠢ ᠬᠡᠳᠦᠷᠡᠳᠡᠯ᠎ᠡ ᠭᠡᠷᠡᠭᠯᠡᠨ ᠬᠦᠮᠦᠷᠭᠡ ᠶᠢᠨ | ᠲᠦᠭᠦᠬᠡᠷᠦᠮᠵᠢ ᠶᠢ ᠠᠷᠢᠭᠤᠳᠬᠠᠭᠰᠠᠨ᠂ ᠠᠮᠣ ᠪᠣᠳᠠᠭᠠᠨ ᠤ ᠬᠤᠷᠣᠬᠠᠢᠢᠳᠠᠯ ᠪᠣᠯᠣᠨ ᠬᠦᠬᠡᠴᠦ ᠶᠢ ᠰᠡᠷᠭᠡᠶᠢᠯᠡᠨ᠂ | ᠬᠤᠯᠣᠭᠠᠨ᠎ᠠ ᠣᠰᠠᠳᠬᠠᠭᠰᠠᠨ ᠪᠣᠶᠣ ᠡᠮ ᠤᠨ ᠦᠯᠡᠳᠡᠭᠳᠡᠯ ᠤᠨ ᠬᠡᠮᠵᠢᠶ᠎ᠠ ᠨᠢ ᠣᠯᠣᠰ ᠤᠨ ᠪᠠᠷᠢᠮᠵᠢᠶ᠎ᠡ ᠠᠴᠠ | ᠬᠡᠳᠦᠷᠡᠭᠰᠡᠨ ᠠᠮᠣ ᠪᠣᠳᠠᠭ᠎ᠠ ᠶᠢ ᠠᠰ ᠲᠤᠨᠢ ᠪᠢᠲᠡᠬᠦᠮᠵᠢᠯᠡᠵᠦ ᠬᠠᠳᠠᠭᠠᠯᠠᠭᠰᠠᠨ ᠦᠬᠡᠢ᠃ | ᠭᠤᠴᠢᠨ ᠵᠢᠷᠭᠤᠳᠣᠭᠠᠷ ᠵᠦᠢᠯ ᠲᠣᠰ ᠠᠷᠭ᠎ᠠ ᠶᠢᠨ ᠠᠷᠪᠠᠨ ᠭᠤᠷᠪᠠᠳᠣᠭᠠᠷ ᠵᠦᠢᠯ ᠤᠨ ᠨᠢᠬᠡᠳᠦᠭᠡᠷ | ᠵᠤᠷᠪᠤᠰ ᠤᠨ ᠨᠢᠬᠡᠳᠦᠭᠡᠷ ᠲᠥᠷᠥᠯ ᠤᠨ ᠲᠣᠭᠳᠠᠭᠠᠯ ᠢ ᠵᠦᠷᠢᠴᠡᠵᠦ ᠠᠮᠣ ᠪᠣᠳᠠᠭ᠎ᠠ ᠬᠤᠳᠠᠯᠳᠣᠨ ᠠᠪᠬᠤ ᠲᠠᠯᠪᠣᠷ ᠲᠤ | ᠬᠤᠳᠠᠯᠳᠣᠨ ᠠᠪᠬᠤ ᠵᠦᠪᠰᠢᠶᠡᠯ ᠤᠨ ᠦᠨᠡᠮᠯᠡᠯ ᠪᠡ ᠡᠵᠡᠩᠨᠡᠯᠳᠡ ᠶᠢᠨ ᠦᠨᠡᠮᠯᠡᠯ ᠢᠶᠠᠨ ᠢᠯᠡ ᠭᠠᠷᠭᠠᠭᠰᠠᠨ ᠦᠬᠡᠢ | ᠪᠣᠯ ᠠᠮᠣ ᠪᠣᠳᠠᠭᠠᠨ ᠤ ᠵᠠᠰᠠᠭ ᠵᠠᠬᠢᠷᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ | ᠵᠠᠯᠠᠷᠠᠭᠤᠯᠤᠨ᠎ᠠ᠃ | ᠭᠤᠴᠢᠨ ᠲᠣᠯᠣᠳᠣᠭᠠᠷ ᠵᠦᠢᠯ ᠳᠤᠰ ᠠᠷᠭ᠎ᠠ ᠶᠢᠨ ᠳᠤᠬᠳᠠᠭᠠᠯ ᠢ ᠵᠦᠷᠢᠴᠡᠵᠦ᠂ ᠲᠣᠣᠷᠠᠬᠢ ᠠᠵᠢᠯᠯᠠᠭ᠎ᠠ ᠶᠢᠨ | ᠨᠢᠬᠡ ᠶᠢ ᠬᠢᠭᠰᠡᠨ ᠪᠠᠶᠢᠪᠠᠯ᠂ ᠠᠮᠣ ᠪᠣᠳᠠᠭᠠᠨ ᠤ ᠬᠠᠮᠢᠶᠠᠷᠣᠯᠳᠠ ᠶᠢᠨ ᠰᠠᠯᠠᠭ᠎ᠠ ᠮᠦᠴᠢᠷ ᠠᠴᠠ ᠵᠠᠷᠯᠢᠭᠳᠠᠵᠤ | ᠵᠠᠯᠠᠷᠠᠭᠤᠯᠤᠨ᠎ᠠ᠂ ᠬᠤᠭᠤᠴᠠᠭ᠎ᠠ ᠬᠡᠳᠦᠷᠡᠭᠡᠳ ᠵᠠᠯᠠᠷᠠᠭᠤᠯᠬᠤ ᠦᠬᠡᠢ ᠪᠣᠯ 500 ᠲᠦᠭᠦᠷᠢᠭ ᠠᠴᠠ ᠲᠡᠭᠡᠭᠰᠢ 1000 | ᠲᠦᠭᠦᠷᠢᠭ ᠠᠴᠠ ᠲᠣᠷᠣᠭᠰᠢ ᠲᠣᠷᠭᠠᠨ᠎ᠠ᠄ ︵ᠨᠢᠬᠡ︶ ᠠᠮᠤ ᠪᠣᠳᠠᠭ᠎ᠠ ᠬᠤᠳᠠᠯᠳᠣᠭᠴᠢ ᠳᠤ ᠠᠮᠣ ᠪᠣᠳᠠᠭ᠎ᠠ | ᠬᠤᠳᠠᠯᠳᠤᠨ ᠠᠪᠣᠭᠰᠠᠨ ᠭᠡᠷᠡᠴᠢ ᠪᠠᠷᠢᠮᠳᠠ ᠬᠢᠵᠤ ᠦᠭᠭᠦᠭᠰᠡᠨ ᠦᠬᠡᠢ᠃ ︵ᠬᠤᠶᠡᠷ︶ ᠡᠩ ᠤᠨ ᠬᠠᠳᠠᠭᠠᠯᠠᠬᠤ | ᠬᠤᠭᠤᠴᠠᠭᠠᠨ ᠳᠤ ᠬᠦᠮᠦᠷᠭᠡ ᠠᠴᠠ ᠭᠠᠷᠭᠠᠬᠰᠠᠠ ᠠᠮᠣ ᠪᠣᠳᠠᠭ᠎ᠠ ᠶᠢ ᠡᠵᠡᠩᠨᠡᠭᠴᠢ ᠶᠠᠰᠤ ᠴᠢᠨᠠᠷ ᠤᠨ ᠰᠢᠯᠭᠠᠨ | ᠪᠠᠶᠢᠴᠠᠭᠠᠯᠳᠠ ᠬᠢᠯᠭᠡᠭᠰᠡ ᠦᠬᠡᠢ ᠪᠣᠶᠣ ᠶᠠᠰᠤ ᠴᠢᠨᠠᠷ ᠶᠢ ᠪᠠᠶᠢᠴᠠᠭᠠᠯᠭᠠᠬᠰᠠᠠ ᠮᠡᠳᠡᠬᠦᠯᠦᠯᠳᠡ ᠬᠢᠯᠭᠡᠵᠦ ᠦᠭᠭᠦᠭᠰᠡᠨ | ᠦᠬᠡᠢ᠃ ︵ᠭᠤᠷᠪᠠ︶ ᠠᠮᠣ ᠪᠣᠳᠠᠭ᠎ᠠ ᠪᠣᠷᠣᠯᠠᠭᠤᠯᠬᠤ᠂ ᠪᠣᠯᠪᠠᠰᠣᠷᠠᠭᠤᠯᠬᠤ ᠪᠣᠯᠣᠨ ᠬᠤᠪᠢᠷᠠᠭᠤᠯᠬᠤ ᠠᠵᠢᠯ ᠬᠢᠵᠤ | ᠪᠠᠶᠢᠬᠤ ᠡᠵᠡᠩᠨᠡᠭᠴᠢ ᠠᠮᠣ ᠪᠣᠳᠠᠭ᠎ᠠ ᠬᠤᠳᠠᠯᠳᠣᠨ ᠠᠪᠴᠤ ᠬᠠᠳᠠᠭᠠᠯᠠᠬᠤ ᠠᠵᠢᠯ ᠬᠢᠵᠤ ᠪᠠᠶᠢᠬᠤ ᠡᠵᠡᠩᠨᠡᠭᠴᠢ ᠠᠴᠠ | ᠠᠮᠣ ᠪᠣᠳᠠᠭ᠎ᠠ ᠬᠤᠳᠠᠯᠳᠣᠨ ᠠᠪᠬᠤ ᠦᠶ᠎ᠠ ᠳᠤ ᠠᠮᠣ ᠪᠣᠳᠠᠭᠠᠨ ᠤ ᠶᠠᠰᠤ ᠴᠢᠨᠠᠷ ᠢ ᠰᠢᠯᠭᠠᠠ ᠪᠠᠶᠢᠴᠠᠭᠠᠬᠰᠠᠠ | ᠮᠡᠳᠡᠬᠦᠯᠦᠯᠳᠡ ᠠᠪᠣᠭᠰᠠᠨ ᠦᠬᠡᠢ᠃ | ᠭᠤᠴᠢᠨ ᠨᠡᠢᠮᠠᠳᠣᠭᠠᠷ ᠵᠦᠢᠯ ᠠᠮᠣ ᠪᠣᠳᠠᠭ᠎ᠠ᠂ ᠦᠢᠯᠡᠳᠪᠦᠷᠢ ᠬᠤᠳᠠᠯᠳᠤᠭ᠎ᠠ᠂ ᠦᠨ᠎ᠠ ᠬᠠᠩᠰᠢ᠂ ᠶᠠᠰᠤ | ᠴᠢᠨᠡᠷ ᠮᠡᠷᠭᠡᠵᠢᠯ ᠤᠨ ᠬᠢᠨᠠᠨ ᠬᠠᠮᠢᠶᠠᠷᠣᠯᠳᠠ ᠪᠣᠯᠣᠨ ᠡᠷᠡᠬᠦᠯ ᠬᠠᠮᠠᠭᠠᠯᠠᠯ ᠵᠡᠷᠭᠡ ᠵᠠᠰᠠᠭ ᠵᠠᠬᠢᠷᠭᠠᠨ ᠤ ᠬᠠᠮᠢᠶᠠᠷᠣᠯᠳᠠ | ᠶᠢᠨ ᠰᠠᠯᠠᠭ᠎ᠠ ᠮᠦᠴᠢᠷ ᠪᠣᠯᠣᠨ ᠠᠵᠢᠯᠳᠡᠳ ᠲᠣᠣᠷᠠᠬᠢ ᠠᠵᠢᠯᠯᠠᠭ᠎ᠠ ᠶᠢᠨ ᠨᠢᠬᠡ ᠶᠢ ᠦᠢᠯᠡᠳᠦᠭᠰᠡᠨ ᠦᠶᠡᠰ᠂ ᠬᠠᠣᠯᠢ | ᠶᠣᠰᠣᠭᠠᠷ ᠰᠢᠭᠤᠳ ᠬᠠᠮᠢᠶᠠᠷᠴᠤ ᠪᠠᠶᠢᠭ᠎ᠠ ᠬᠦᠮᠦᠨ ᠪᠣᠶᠣ ᠰᠢᠭᠤᠳ ᠬᠠᠷᠢᠭᠤᠴᠠᠯᠭᠠᠳᠠᠨ ᠳᠤ ᠵᠠᠰᠠᠭ ᠵᠠᠬᠢᠷᠭᠠᠨ ᠤ | ᠰᠢᠢᠳᠭᠡᠯ ᠦᠭᠴᠤ︔ ᠶᠠᠯ᠎ᠠ ᠬᠢᠬᠦ ᠬᠡᠮᠵᠢᠶᠡᠡ ᠳᠤ ᠬᠦᠷᠦᠭᠰᠡᠡ ᠪᠤᠯ ᠬᠠᠣᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ | ᠨᠡᠭᠡᠮᠵᠢᠯᠡᠨ᠎ᠠ᠄ ︵ᠨᠢᠬᠡ︶ ᠬᠠᠣᠯᠢ ᠪᠣᠰᠣ ᠪᠠᠷ ᠠᠮᠣ ᠪᠣᠳᠠᠭ᠎ᠠ ᠡᠵᠡᠩᠨᠡᠭᠴᠢ ᠶᠢᠨ ᠡᠩ ᠤᠨ ᠡᠵᠡᠩᠨᠡᠯᠳᠡ ᠶᠢᠨ | ᠠᠵᠢᠯᠯᠠᠭ᠎ᠠ ᠳᠤ ᠬᠠᠤᠯᠢ ᠪᠣᠰᠣ ᠪᠠᠷ ᠭᠠᠷ ᠲᠦᠷᠦᠭᠰᠡᠨ᠃ ︵ᠬᠤᠶᠡᠷ︶ ᠬᠠᠣᠯᠢ ᠳᠤ ᠲᠣᠭᠳᠠᠭᠠᠭᠰᠠᠨ ᠨᠦᠬᠦᠴᠡᠯ | ᠪᠣᠯᠣᠨ ᠲᠡᠰ ᠲᠡᠷᠠᠭ᠎ᠠ ᠪᠠᠷ ᠠᠮᠣ ᠪᠣᠳᠠᠭ᠎ᠠ ᠬᠤᠳᠠᠯᠳᠣᠨ ᠠᠪᠬᠤ ᠵᠦᠪᠰᠢᠶᠡᠷᠡᠯ ᠤᠨ ᠦᠨᠡᠮᠯᠡᠯ ᠲᠠᠷᠬᠠᠭᠠᠭᠰᠠᠨ ᠦᠬᠡᠢ᠃ | ︵ᠭᠤᠷᠪᠠ︶ ᠠᠮᠣ ᠪᠣᠳᠠᠭᠠᠨ ᠤ ᠬᠤᠳᠠᠯᠳᠤᠨ ᠠᠪᠬᠤ ᠵᠦᠪᠰᠢᠶᠡᠷᠡᠯ ᠤᠨ ᠦᠨᠡᠮᠯᠡᠯ ᠭᠤᠶᠣᠴᠢᠯᠠᠬᠤ ᠳᠤ ᠬᠠᠭᠤᠷᠮᠠᠭ | ᠭᠡᠷᠡᠴᠢ ᠬᠠᠩᠭᠠᠭᠰᠠᠨ᠃ ︵ᠲᠦᠷᠪᠡ︶ ᠬᠢᠨᠠᠨ ᠬᠠᠮᠢᠶᠠᠷᠬᠤ ᠠᠵᠢᠯ ᠳᠤ ᠡᠷᠭᠡ ᠪᠠᠨ ᠲᠣᠷ᠎ᠠ ᠪᠠᠷ ᠠᠰᠢᠭᠯᠠᠭᠰᠠᠨ᠂ | ᠲᠣᠰᠢᠶᠠᠯ ᠢᠶᠠᠨ ᠭᠤᠳᠤᠭᠠᠬᠰᠠᠠ᠂ ᠬᠤᠪᠢ ᠶᠢᠨ ᠨᠠᠶᠢᠷ ᠳᠠᠯ᠎ᠠ ᠬᠠᠷᠠᠵᠤ ᠢᠶᠠᠷ ᠬᠠᠣᠯᠢ ᠶᠣᠰᠣ ᠶᠢ ᠵᠦᠷᠢᠴᠡᠭᠰᠡᠡ᠃ | ᠭᠤᠴᠢᠨ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠡᠳ ᠤᠨ ᠵᠠᠰᠠᠭ ᠤᠨ | ᠣᠷᠳᠣᠨ ᠪᠣᠯᠣᠨ ᠠᠵᠢᠯ ᠤᠨ ᠰᠠᠯᠠᠭ᠎ᠠ ᠮᠦᠴᠢᠷ ᠤᠨ ᠬᠠᠷᠢᠭᠤᠴᠠᠯᠭᠠᠳᠠᠨ ᠪᠣᠶᠣ ᠰᠢᠭᠤᠳ ᠬᠠᠷᠢᠭᠤᠴᠠᠯᠭ᠎ᠠ ᠲᠠᠢ | ᠬᠦᠮᠥᠨ ᠲᠣᠰ ᠠᠷᠭ᠎ᠠ ᠶᠢ ᠵᠦᠷᠢᠴᠡᠵᠦ᠂ ᠲᠣᠣᠷᠠᠬᠢ ᠠᠵᠢᠯᠯᠠᠭ᠎ᠠ ᠶᠢ ᠦᠢᠯᠡᠳᠦᠭᠰᠡᠨ ᠪᠤᠯ᠂ ᠬᠠᠣᠯᠢ ᠶᠣᠰᠣᠭᠠᠷ | ᠵᠠᠰᠠᠭ ᠵᠠᠬᠢᠷᠭᠠᠨ ᠤ ᠰᠢᠳᠭᠡᠯ ᠦᠭᠴᠤ᠂ ᠶᠠᠯ᠎ᠠ ᠬᠢᠭᠰᠡᠳ ᠠᠴᠠ ᠬᠠᠣᠯᠢ ᠶᠣᠰᠣᠭᠠᠷ ᠡᠷᠡᠬᠦᠦ ᠶᠢᠨ ᠬᠠᠷᠢᠭᠤᠴᠠᠯᠭ᠎ᠠ | ᠨᠡᠬᠡᠮᠵᠢᠯᠡᠨ᠎ᠠ᠃ ︵ᠨᠢᠬᠡ︶ ᠠᠮᠣ ᠪᠣᠳᠠᠭ᠎ᠠ ᠬᠤᠳᠠᠯᠳᠣᠨ ᠠᠪᠤᠬᠴᠢ ᠶᠢ ᠠᠯᠪᠠᠳᠠᠵᠤ᠂ ᠬᠠᠳᠠᠭᠠᠯᠠᠬᠤ ᠡᠵᠡᠩᠨᠡᠭᠴᠢ | ᠠᠮᠣ ᠪᠣᠳᠠᠭ᠎ᠠ ᠬᠤᠳᠠᠯᠳᠣᠨ ᠠᠪᠬᠤ ᠦᠶᠡᠰ ᠠᠮᠣ ᠪᠣᠳᠠᠭ᠎ᠠ ᠬᠤᠳᠠᠯᠳᠣᠨ ᠠᠪᠣᠭᠴᠢ ᠠᠴᠠ᠂ ᠭᠠᠶᠢᠯᠢ ᠰᠦᠢᠳᠭᠡᠯ | ᠪᠣᠶᠣ ᠪᠣᠰᠣᠳ ᠵᠦᠢᠯ ᠢ ᠣᠷᠣᠯᠠᠨ ᠰᠠᠭᠤᠯᠭᠠᠠ ᠠᠪᠤᠬᠰᠠᠠ ᠤᠷᠤᠯᠠᠵᠤ ᠲᠣᠰᠢᠶᠠᠯᠭᠠᠬᠰᠠᠨ᠃ ︵ᠬᠤᠶᠡᠷ︶ | ᠵᠦᠪᠰᠢᠶᠡᠷᠡᠯ ᠦᠬᠡᠢ ᠪᠠᠷ ᠳᠤᠷ᠎ᠠ ᠪᠠᠷ ᠢᠶᠠᠨ ᠣᠯᠣᠰ ᠤᠨ ᠠᠮᠣ ᠪᠣᠳᠠᠭᠠᠨ ᠤ ᠠᠵᠣ ᠠᠬᠤᠢᠢᠯᠠᠯ ᠤᠨ ᠬᠦᠮᠥᠷᠭᠡᠯᠡᠵᠦ | ᠬᠠᠳᠠᠭᠠᠯᠠᠬᠤ ᠲᠦᠬᠦᠭᠡᠷᠦᠮᠵᠢ ᠶᠢ ᠰᠢᠢᠳᠪᠦᠷᠢᠯᠡᠭᠰᠡᠡ᠃ ︵ᠭᠤᠷᠪᠠ︶ ᠠᠮᠣ ᠪᠣᠳᠠᠭᠠᠨ ᠤ ᠪᠡᠴᠢᠮ ᠪᠠᠶᠢᠳᠠᠯ ᠢ | ᠠᠷᠭᠠᠤᠠᠬᠤ ᠲᠣᠭᠳᠠᠭᠠᠯ ᠢ ᠵᠦᠷᠢᠴᠡᠵᠦ᠂ ᠡᠬᠦᠷᠭᠡ ᠬᠠᠷᠢᠭᠤᠴᠠᠯᠭ᠎ᠠ ᠪᠠᠨ ᠬᠦᠢᠴᠡᠳᠭᠡᠭᠰᠡᠨ ᠦᠬᠡᠢ᠃ | ᠵᠢᠷᠭᠤᠳᠣᠭᠠᠷ ᠪᠦᠯᠦᠭ ᠲᠠᠭᠠᠯᠳᠣᠭᠤᠯᠣᠯ ᠲᠥᠷᠢᠮ | ᠲᠦᠴᠢᠳᠦᠭᠡᠷ ᠵᠦᠢᠯ ᠲᠣᠰ ᠠᠷᠭ᠎ᠠ ᠳᠤ ᠬᠡᠯᠡᠵᠦ ᠪᠠᠶᠢᠬᠤ ᠠᠮᠣ ᠪᠣᠳᠠᠭ᠎ᠠ ᠶᠢ ᠬᠤᠪᠢᠷᠠᠭᠤᠯᠬᠤ ᠭᠡᠲᠡᠭ ᠨᠢ ᠠᠮᠣ | ᠪᠣᠳᠠᠭ᠎ᠠ ᠪᠠᠷ ᠲᠦᠭᠦᠬᠡᠢ ᠮᠠᠲ᠋ᠧᠷᠢᠶᠠᠯ ᠪᠣᠯᠭᠠᠵᠦ᠂ ᠠᠵᠣ ᠦᠢᠯᠡᠳᠪᠦᠷᠢ ᠶᠢᠨ ᠦᠢᠯᠡᠳᠪᠦᠷᠢᠯᠡᠯ ᠵᠢᠴᠢ ᠠᠷᠢᠬᠢ ᠨᠡᠷᠡᠬᠦ᠂ | ᠲᠡᠵᠢᠭᠡᠯ ᠪᠣᠷᠳᠤᠭ᠎ᠠ᠂ ᠲᠠᠵᠢᠭᠡᠨ ᠦᠷᠡᠵᠢᠬᠦᠯᠬᠦ ᠵᠡᠷᠭᠡ ᠳᠤ ᠭᠡᠷᠡᠭᠯᠡᠬᠦ ᠡᠵᠡᠩᠨᠡᠯᠳᠡ ᠶᠢᠨ ᠠᠵᠢᠯᠯᠠᠭ᠎ᠠ ᠶᠢ ᠵᠢᠭᠠᠵᠦ | ᠪᠤᠢ᠃ | ᠲᠦᠴᠢᠨ ᠨᠢᠬᠡᠳᠦᠭᠡᠷ ᠵᠦᠢᠯ ᠪᠣᠷᠴᠠᠭ᠂ ᠲᠣᠰᠣᠯᠢᠭ ᠳᠠᠷᠢᠮᠠᠯ᠂ ᠢᠳᠡᠭᠡᠨ ᠳᠤ ᠭᠡᠷᠡᠭᠯᠡᠬᠦ ᠤᠷᠭᠤᠮᠠᠯ ᠤᠨ ᠲᠣᠰᠣ | ᠶᠢ ᠪᠣᠯᠪᠠᠰᠣᠷᠠᠭᠤᠯᠬᠤ᠂ ᠪᠣᠷᠣᠯᠠᠭᠤᠯᠬᠤ᠂ ᠬᠠᠳᠠᠭᠠᠯᠠᠬᠤ᠂ ᠲᠡᠭᠡᠭᠡᠪᠦᠷᠢᠯᠡᠬᠦ᠂ ᠣᠷᠣᠭᠤᠯᠵᠦ ᠭᠠᠷᠭᠠᠬᠤ ᠵᠡᠷᠭᠡ | ᠡᠵᠡᠩᠨᠡᠯᠳᠡ ᠶᠢᠨ ᠠᠵᠢᠯᠯᠠᠭ᠎ᠠ ᠳᠤ᠂ ᠲᠣᠰ ᠠᠷᠭ᠎ᠠ ᠶᠢᠨ ᠵᠢᠷᠭᠤᠳᠣᠭᠠᠷ ᠵᠦᠢᠯ ᠠᠴᠠ ᠠᠷᠪᠡᠨ ᠬᠤᠶᠠᠳᠣᠭᠠᠷ ᠵᠦᠢᠯ | ᠠᠴᠠ ᠭᠠᠳᠠᠨᠠᠬᠢ ᠲᠣᠭᠳᠠᠭᠠᠯ ᠪᠦᠷ ᠲᠣᠬᠢᠷᠠᠨ᠎ᠠ᠃ | ᠲᠦᠴᠢᠨ ᠬᠤᠶᠠᠳᠣᠭᠠᠷ ᠵᠦᠢᠯ ᠲᠣᠰ ᠠᠷᠭ᠎ᠠ ᠶᠢ 2009 ᠣᠨ ᠤ 5 ᠰᠠᠷ᠎ᠠ ᠶᠢᠨ 1 ᠤ ᠡᠳᠤᠷ ᠠᠴᠠ | ᠡᠬᠢᠯᠡᠨ ᠭᠡᠷᠡᠭᠵᠢᠬᠦᠯᠦᠨ᠎ᠠ᠃ | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | | | | | | | | | | | | | | | | |