| | ︵2003 ᠤᠨ ᠤ 9 ᠰᠠᠷ᠎ᠠ ᠶᠢᠨ 30 ᠤ ᠡᠲᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ | ᠲᠠᠪᠤᠳᠤᠭᠠᠷ ᠬᠤᠷᠠᠯ ᠠᠴᠠ ᠪᠠᠲᠤᠯᠠᠵᠤ᠂ 2008 ᠤᠨ ᠤ 7 ᠰᠠᠷ᠎ᠠ ᠶᠢᠨ 25 ᠤ ᠡᠲᠦᠷ ᠤᠨ ︽ᠦᠪᠦᠷ | ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾ ᠳᠤ ᠵᠠᠰᠠᠪᠤᠷᠢ | ᠤᠷᠤᠭᠤᠯᠬᠤ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠲᠦᠭᠡᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠭᠤᠷᠪᠠᠳᠤᠭᠠᠷ ᠬᠤᠷᠠᠯ ᠤᠨ | ᠳᠤᠬᠳᠠᠭᠠᠯ ᠢ ᠦᠨᠳᠦᠰᠦᠯᠡᠨ ᠵᠠᠰᠠᠪᠦᠷᠢ ᠤᠷᠤᠭᠤᠯᠪᠠ︶ | ᠨᠢᠭᠡᠳᠦᠭᠡᠷ ᠪᠦᠯᠦᠭ ᠶᠡᠷᠦᠩᠬᠡᠢ ᠲᠦᠷᠢᠮ | ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠦᠯᠳᠠ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠦᠮᠴᠢᠳᠡᠨ ᠪᠠ | ᠠᠳᠠᠯ ᠠᠬᠤᠢ ᠶᠢᠨ ᠦᠢᠢᠯᠡᠴᠢᠯᠡᠭᠡᠨ ᠤ ᠠᠵᠤ ᠠᠬᠤᠢᠢᠯᠠᠯ ᠤᠨ ᠬᠠᠤᠯᠢ ᠶᠤᠰᠤᠨ ᠤ ᠡᠷᠬᠡ ᠠᠰᠢᠬ ᠢ ᠬᠠᠮᠠᠭᠠᠯᠠᠨ᠂ | ᠠᠷᠠᠳ ᠲᠦᠮᠡᠨ ᠤ ᠠᠮᠢᠳᠤᠷᠠᠯ ᠪᠠ ᠠᠵᠢᠯ ᠤᠨ ᠤᠷᠴᠢᠨ ᠲᠤᠭᠤᠷᠢᠨ ᠢ ᠰᠠᠶᠢᠵᠢᠷᠠᠭᠤᠯᠬᠤ ᠶᠢᠨ ᠲᠦᠯᠦᠭᠡ᠂ ᠲᠦᠷᠦ | ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾ ᠢ ᠦᠨᠳᠦᠰᠦᠯᠡᠨ᠂ | ᠦᠪᠡᠷᠲᠡᠭᠡᠨ ᠵᠠᠰᠠᠬᠤ ᠤᠷᠤᠨ ᠤ ᠪᠤᠲᠠᠲᠠᠢ ᠲᠠᠢ ᠪᠠᠨ ᠤᠶᠠᠯᠳᠤᠭᠤᠯᠵᠤ᠂ ᠳᠤᠰ ᠳᠦᠷᠢᠮ ᠢ ᠳᠤᠬᠲᠠᠭᠠᠪᠠ᠃ | ᠬᠤᠶᠠᠳᠤᠭᠠᠷ ᠵᠦᠢᠢᠯ ᠦᠪᠡᠷᠳᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠤᠷᠤᠨ ᠤ ᠲᠤᠳᠤᠷᠠᠬᠢ ᠠᠳᠠᠯ | ᠠᠬᠤᠢ ᠶᠢᠨ ᠬᠠᠮᠢᠶᠠᠷᠦᠯᠳᠠ ᠵᠢᠴᠢ ᠲᠡᠭᠦᠨ ᠲᠠᠢ ᠬᠤᠯᠪᠤᠭᠳᠠᠬᠤ ᠬᠤᠯᠪᠤᠬᠳᠠᠯ ᠪᠦᠭᠦᠢ ᠠᠵᠢᠯᠯᠠᠭ᠎ᠠ ᠳᠤ ᠳᠤᠰ | ᠲᠦᠷᠢᠮ ᠢ ᠭᠡᠷᠡᠭᠯᠡᠨ᠎ᠠ᠃ | ᠭᠤᠷᠪᠠᠳᠤᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠲᠦᠭᠡᠨ | ᠪᠠᠶᠢᠭᠤᠯᠤᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠦᠬᠦ ᠤᠷᠤᠨ ᠤ ᠠᠳᠠᠯ ᠠᠬᠤᠢ | ᠶᠢᠨ ᠬᠠᠮᠢᠶᠠᠷᠤᠯᠳᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ | ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠳᠤᠰ ᠵᠠᠰᠠᠬ ᠵᠠᠬᠢᠷᠭᠠᠨ ᠤ ᠤᠷᠤᠨ ᠤ | ᠳᠤᠲᠤᠷᠠᠬᠢ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠶᠢ ᠬᠢᠨᠠᠨ ᠬᠠᠮᠢᠶᠠᠷᠬᠤ ᠠᠵᠢᠯ ᠢ ᠬᠠᠷᠢᠭᠤᠴᠠᠨ᠎ᠠ᠃ | ᠪᠤᠰᠤᠳ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠳᠤᠰ ᠳᠤᠰ ᠤᠨ | ᠳᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ ᠠᠳᠠᠯ ᠠᠬᠤᠢ ᠶᠢᠨ ᠬᠠᠮᠢᠶᠠᠷᠤᠯᠳᠠ ᠶᠢᠨ ᠬᠤᠯᠪᠤᠬᠳᠠᠯ ᠪᠦᠬᠦᠢ ᠠᠵᠢᠯ ᠢ | ᠬᠠᠤᠯᠢ ᠶᠤᠰᠤᠭᠠᠷ ᠰᠠᠶᠢᠳᠤᠷ ᠬᠢᠬᠦ ᠭᠡᠷᠡᠭᠳᠠᠢ᠃ | ᠲᠦᠪᠠᠳᠦᠭᠡᠷ ᠵᠦᠢᠯ ᠡᠯ᠎ᠡ ᠱᠠᠳᠤᠨ ᠤ ᠠᠷᠠᠳ ᠤᠨ ᠵᠠᠰᠠᠬ ᠤᠨ ᠤᠷᠳᠤᠨ ᠠᠳᠠᠯ ᠠᠬᠤᠢ ᠶᠢᠨ ᠬᠠᠮᠢᠶᠠᠷᠤᠯᠳᠠ | ᠶᠢᠨ ᠠᠵᠢᠯ ᠲᠦᠷᠦᠯ ᠳᠠᠬᠢ ᠬᠠᠮᠢᠶᠠᠷᠤᠯᠳᠠ ᠪᠠᠨ ᠴᠢᠩᠭᠠᠳᠬᠠᠵᠤ᠂ ᠳᠤᠰᠬᠠᠢᠢᠵᠢᠬᠰᠠᠨ᠂ ᠨᠡᠶᠢᠭᠡᠮᠴᠢᠯᠡᠭᠰᠡᠨ ᠪᠠ ᠵᠠᠬ᠎ᠠ | ᠳᠡᠯᠭᠡᠭᠦᠷᠴᠢᠯᠡᠭᠰᠡᠨ ᠠᠳᠠᠯ ᠠᠬᠤᠢ ᠶᠢᠨ ᠬᠠᠮᠢᠶᠠᠷᠤᠯᠳᠠ ᠶᠢᠨ ᠳᠤᠬᠳᠠᠴᠠ ᠶᠢ ᠪᠠᠶᠢᠭᠤᠯᠬᠤ ᠶᠢ ᠬᠦᠳᠦᠯᠦᠨ | ᠵᠢᠯᠤᠭᠤᠳᠴᠣ᠂ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯ ᠲᠦᠷᠦᠯ ᠤᠨ ᠡᠷᠡᠬᠦᠯ ᠢᠶᠠᠷ ᠬᠦᠭᠵᠢᠬᠦ ᠶᠢ | ᠠᠬᠢᠭᠤᠯᠬᠤ ᠬᠡᠷᠡᠭᠲᠡᠢ᠃ | ᠬᠤᠶᠠᠳᠤᠭᠠᠷ ᠪᠦᠯᠦᠭ ᠦᠮᠴᠢᠳᠠᠨ ᠵᠢᠴᠢ ᠦᠮᠴᠢᠳᠠᠳ ᠤᠨ ᠶᠡᠭᠡ ᠬᠤᠷᠠᠯ | ᠲᠠᠪᠤᠳᠤᠭᠠᠷ ᠵᠦᠢᠯ ᠭᠡᠷ ᠪᠠᠶᠢᠰᠢᠩ ᠤᠨ ᠦᠮᠴᠢᠯᠡᠭᠴᠢ ᠪᠤᠯ ᠦᠮᠴᠢᠳᠠᠨ ᠪᠤᠯᠤᠨ᠎ᠠ᠃ | ᠦᠮᠴᠢᠳᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠤᠮᠳᠠᠬᠢ ᠡᠷᠬᠡ ᠪᠠ ᠡᠭᠦᠷᠭᠡ ᠶᠢ ᠲᠦᠷᠦ | ᠶᠢᠨ ᠶᠠᠪᠤᠳᠠᠯ ᠤᠨ ᠬᠤᠷᠢᠶ᠎ᠠ ᠶᠢᠨ ︽ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ︾ ᠤᠨ ᠬᠤᠯᠪᠤᠬᠳᠠᠯ ᠪᠦᠬᠦᠢ | ᠲᠤᠭᠳᠠᠭᠠᠯ ᠶᠤᠰᠤᠭᠠᠷ ᠭᠡᠷᠡᠭᠵᠢᠭᠦᠯᠦᠨ᠎ᠡ᠃ | ᠵᠢᠷᠭᠤᠳᠤᠭᠠᠷ ᠵᠦᠢᠯ ᠠᠳᠠᠯ ᠠᠬᠤᠢ ᠶᠢᠨ ᠭᠡᠷᠡᠭᠯᠡᠭᠴᠢ ᠶᠢᠨ ᠠᠳᠠᠯ ᠠᠬᠤᠢ ᠶᠢᠨ ᠬᠠᠮᠢᠶᠠᠷᠤᠯᠳᠠ ᠶᠢᠨ | ᠠᠵᠢᠯᠯᠠᠭ᠎ᠠ ᠳᠤᠮᠳᠠᠬᠢ ᠡᠷᠬᠡ᠂ ᠡᠭᠦᠷᠭᠡ ᠶᠢ ᠦᠮᠴᠢᠳᠡᠨ ᠪᠠ ᠭᠡᠷᠡᠭᠯᠡᠭᠴᠢ ᠠᠴᠠ ᠬᠡᠯᠡᠯᠴᠡᠨ ᠳᠤᠬᠳᠠᠭᠠᠨ᠎ᠠ᠂ ᠭᠡᠪᠡᠴᠦ | ᠬᠠᠤᠯᠢ ᠴᠠᠭᠠᠵᠠ᠂ ᠬᠠᠤᠯᠢ ᠳᠤᠬᠲᠠᠭᠠᠯ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠤᠨ ᠬᠤᠯᠪᠤᠬᠳᠠᠯ ᠪᠦᠬᠦᠢ | ᠳᠤᠬᠳᠠᠭᠠᠯ ᠢ ᠵᠦᠷᠢᠴᠡᠵᠦ ᠪᠤᠯᠬᠤ ᠦᠭᠡᠢ᠃ | ᠠᠳᠠᠯ ᠠᠬᠤᠢ ᠶᠢᠨ ᠭᠡᠷᠡᠭᠯᠡᠭᠴᠢ ᠳᠤᠰ ᠲᠦᠷᠢᠮ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠢ ᠵᠦᠷᠢᠴᠡᠪᠡᠯ᠂ | ᠬᠠᠮᠢᠶ᠎ᠠ ᠪᠦᠬᠦᠢ ᠦᠮᠴᠢᠳᠠᠨ ᠬᠤᠯᠪᠤᠬᠳᠠᠬᠰᠠᠨ ᠬᠠᠷᠢᠭᠤᠴᠠᠯᠭ᠎ᠠ ᠡᠭᠦᠷᠭᠡᠯᠡᠨ᠎ᠡ᠃ | ᠳᠤᠯᠤᠳᠤᠭᠠᠷ ᠵᠦᠢᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠨᠢᠭᠡ ᠦᠮᠴᠢᠳᠡᠳ ᠤᠨ | ᠶᠡᠭᠡ ᠬᠤᠷᠠᠯ ᠪᠠᠶᠢᠭᠤᠯᠤᠨ᠎ᠠ᠃ | ᠦᠮᠴᠢᠳᠠᠳ ᠤᠨ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠪᠦᠬᠦ ᠦᠮᠴᠢᠳᠠᠨ | ᠢᠶᠠᠷ ᠪᠦᠷᠢᠯᠳᠦᠨ᠎ᠡ᠃ | ᠦᠮᠴᠢᠳᠠᠳ ᠤᠨ ᠶᠡᠭᠡ ᠬᠤᠷᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠪᠦᠬᠦ | ᠦᠮᠴᠢᠳᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠳᠤᠮᠳᠠᠬᠢ ᠬᠠᠤᠯᠢ ᠶᠤᠰᠤᠨ ᠤ ᠡᠷᠬᠡ ᠠᠰᠢᠬ ᠢ | ᠲᠦᠯᠦᠭᠡᠯᠡᠨ ᠬᠠᠮᠠᠭᠠᠯᠠᠵᠤ᠂ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠦᠮᠴᠢᠳᠡᠳ ᠤᠨ ᠶᠡᠭᠡ ᠬᠤᠷᠠᠯ ᠤᠨ ᠬᠡᠷᠡᠭ | ᠵᠦᠪᠯᠡᠬᠦ ᠲᠦᠷᠢᠮ ᠤᠨ ᠳᠤᠬᠲᠠᠭᠠᠯ ᠶᠤᠰᠤᠭᠠᠷ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠨ᠎ᠡ᠃ | ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ | ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠳᠠᠯ ᠠᠬᠤᠢ ᠶᠢᠨ ᠨᠡᠶᠢᠳᠠ ᠶᠢᠨ | ᠬᠡᠷᠡᠭᠯᠡᠭᠡᠨ ᠤ ᠪᠡᠯᠡᠳᠭᠡᠯ ᠲᠦᠬᠦᠭᠡᠷᠦᠮᠵᠢ᠂ ᠪᠠᠷᠢᠯᠭ᠎ᠠ ᠶᠢᠨ ᠭᠡᠪᠴᠢᠶ᠎ᠡ᠂ ᠨᠡᠶᠢᠭᠡᠮ ᠲᠤᠭᠤᠷᠢᠬ ᠤᠨ ᠪᠦᠲᠦᠭᠡᠨ | ᠪᠠᠶᠢᠭᠤᠯᠤᠯᠳᠠ ᠵᠡᠷᠭᠡ ᠬᠦᠴᠦᠨ ᠵᠦᠢᠯ ᠶᠤᠰᠤᠭᠠᠷ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠢ ᠳᠤᠬᠳᠠᠭᠠᠬᠤ | ᠭᠡᠷᠡᠭᠲᠡᠢ᠃ ᠪᠤᠳᠠᠲᠠᠢ ᠠᠷᠭ᠎ᠠ ᠶᠢ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠲᠦᠭᠡᠨ | ᠪᠠᠶᠢᠭᠤᠯᠤᠯᠳᠠ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠳᠤᠬᠲᠠᠭᠠᠨᠠ᠃ | ᠢᠵᠢ ᠪᠦᠷᠢᠲᠦᠬᠦᠯᠦᠭᠰᠡᠨ ᠲᠦᠭᠦᠭᠡᠷᠦᠮᠵᠢ ᠪᠦᠷᠢᠨ ᠪᠤᠰᠤ᠂ ᠠᠳᠠᠯ ᠠᠬᠤᠢ ᠶᠢᠨ ᠬᠠᠮᠢᠶᠠᠷᠤᠯᠳᠠ ᠶᠢᠨ ᠨᠦᠬᠦᠴᠡᠯ | ᠪᠦᠷᠢᠳᠦᠭᠰᠡᠨ ᠦᠭᠡᠢ ᠠᠳᠠᠯ ᠠᠬᠤᠢ ᠶᠢᠨ ᠤᠷᠤᠨ ᠢ ᠳᠤᠬᠠᠢ ᠶᠢᠨ ᠭᠠᠵᠠᠷ ᠤᠨ ᠠᠷᠠᠳ ᠤᠨ ᠵᠠᠰᠠᠬ ᠤᠨ ᠤᠷᠳᠤᠨ | ᠠᠴᠠ ᠵᠤᠬᠢᠶᠠᠨ ᠪᠠᠶᠢᠭᠤᠯᠤᠨ ᠵᠠᠰᠠᠵᠤ᠂ ᠨᠦᠬᠦᠴᠡᠯ ᠡᠭᠦᠳᠴᠦ ᠠᠳᠠᠯ ᠠᠬᠤᠢ ᠶᠢᠨ ᠬᠠᠮᠢᠶᠠᠷᠤᠯᠳᠠ ᠶᠢ ᠠᠯᠬᠤᠮ | ᠠᠯᠬᠤᠮ ᠢᠶᠠᠷ ᠭᠡᠷᠡᠭᠵᠢᠬᠦᠯᠦᠨ᠎ᠡ᠃ | ᠶᠢᠰᠦᠳᠦᠭᠡᠷ ᠵᠦᠢᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠨᠢᠭᠡᠨᠳᠠ ᠳᠤᠰᠢᠶᠠᠨ | ᠭᠡᠷᠡᠭᠵᠢᠬᠦᠯᠦᠭᠰᠡᠨ ᠠᠳᠠᠯ ᠠᠬᠤᠢ ᠶᠢᠨ ᠪᠠᠷᠢᠯᠭ᠎ᠠ ᠶᠢᠨ ᠲᠠᠯᠠᠪᠠᠢ 50% ᠠᠴᠠ ᠳᠡᠭᠡᠭᠰᠢ ᠭᠦᠷᠦᠭᠰᠡᠨ᠂ ᠡᠰᠡᠭᠦᠯ᠎ᠡ | ᠨᠢᠭᠡᠨᠳᠡ ᠳᠤᠰᠢᠶᠠᠨ ᠭᠡᠷᠡᠭᠵᠢᠭᠦᠯᠦᠭᠰᠡᠨ ᠠᠳᠠᠯ ᠠᠬᠤᠢ ᠶᠢᠨ ᠪᠠᠷᠢᠯᠭ᠎ᠠ ᠶᠢᠨ ᠲᠠᠯᠠᠪᠠᠢ ᠶᠢᠨ 30% ᠭᠦᠷᠴᠦ | 50% ᠲᠤ ᠭᠦᠷᠦᠭᠰᠡᠨ ᠦᠭᠡᠢ ᠪᠤᠯᠪᠠᠴᠤ ᠬᠡᠷᠡᠭᠯᠡᠭᠡᠳ ᠨᠢᠭᠡᠨᠳᠡ ᠬᠤᠶᠠᠷ ᠵᠢᠯ ᠬᠡᠲᠦᠷᠡᠭᠰᠡᠨ ᠪᠤᠯ᠂ ᠦᠮᠴᠢᠳᠠᠳ | ᠶᠡᠭᠡ ᠬᠤᠷᠠᠯ ᠢ ᠪᠡᠯᠡᠳᠭᠡᠨ ᠪᠠᠶᠢᠭᠤᠯᠵᠤ ᠪᠤᠯᠤᠨ᠎ᠠ᠃ | ᠠᠷᠪᠠᠳᠤᠭᠠᠷ ᠵᠦᠢᠯ ᠠᠳᠠᠯᠢ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠦᠮᠴᠢᠳᠡᠨ ᠠᠳᠠᠯ | ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ | ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠵᠡᠭᠡᠯᠢ ᠭᠤᠳᠤᠮᠵᠢ | ᠶᠢᠨ ᠭᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠤ ᠵᠢᠯᠤᠭᠤᠳᠤᠯᠭ᠎ᠠ | ᠳᠤᠤᠷ᠎ᠠ᠂ ᠦᠮᠴᠢᠳᠡᠳ ᠤᠨ ᠲᠦᠯᠦᠭᠡᠯᠡᠩᠴᠢ᠂ ᠪᠦᠲᠦᠭᠡᠨ ᠪᠠᠶᠢᠭᠤᠯᠤᠭᠰᠠᠨ ᠨᠢᠭᠡᠴᠠ ︵ᠨᠡᠶᠢᠳᠡ ᠶᠢᠨ ᠤᠷᠤᠨ | ᠰᠠᠭᠤᠴᠠ ᠶᠢ ᠬᠤᠳᠠᠯᠳᠤᠬᠰᠠᠨ ᠨᠢᠭᠡᠴᠠ ᠶᠢ ᠪᠠᠭᠲᠠᠭᠠᠨ᠎ᠠ︶ ᠠᠴᠠ ᠦᠮᠴᠢᠲᠡᠳ ᠤᠨ ᠶᠡᠭᠡ ᠬᠤᠷᠠᠯ ᠤᠨ ᠪᠡᠯᠡᠳᠭᠡᠯ | ᠠᠵᠢᠯ ᠤᠨ ᠲᠤᠭᠤᠢᠢᠯᠠᠩ ᠪᠠᠶᠢᠭᠤᠯᠵᠤ᠂ ᠦᠮᠴᠢᠲᠡᠳ ᠤᠨ ᠶᠡᠭᠡ ᠬᠤᠷᠠᠯ ᠤᠨ ᠪᠡᠯᠡᠳᠭᠡᠯ ᠠᠵᠢᠯ ᠢ | ᠬᠠᠷᠢᠭᠤᠴᠠᠭᠤᠯᠤᠨ᠎ᠠ᠃ | ᠪᠡᠯᠡᠳᠭᠡᠯ ᠠᠵᠢᠯ ᠤᠨ ᠲᠤᠭᠤᠢᠢᠯᠠᠩ ᠳᠠᠬᠢ ᠦᠮᠴᠢᠳᠡᠳ ᠤᠨ ᠲᠦᠯᠦᠭᠡᠯᠡᠭᠴᠢ ᠶᠢ ᠠᠳᠠᠯ ᠠᠬᠤᠢ ᠶᠢᠨ | ᠬᠠᠮᠢᠶᠠᠷᠤᠯᠳᠠ ᠶᠢᠨ ᠤᠷᠤᠨ ᠤ ᠪᠦᠬᠦ ᠦᠮᠴᠢᠳᠡᠠ ᠳᠤᠬᠲᠠᠬᠰᠠᠨ ᠬᠤᠭᠤᠴᠠᠭᠠᠨ ᠳᠤᠲᠤᠷ᠎ᠠ ᠲᠠᠨᠢᠯᠴᠠᠭᠤᠯᠤᠨ | ᠰᠤᠩᠭᠤᠨ᠎ᠠ᠃ | ᠪᠡᠯᠡᠳᠭᠡᠯ ᠠᠵᠢᠯ ᠤᠨ ᠳᠤᠭᠤᠢᠢᠯᠠᠩ ᠤᠨ ᠪᠦᠷᠢᠯᠳᠦᠭᠦᠨ ᠤ ᠨᠡᠷᠡᠰ ᠢ ᠳᠤᠬᠳᠠᠭᠠᠬᠰᠠᠨ ᠤ ᠲᠠᠷᠠᠭ᠎ᠠ᠂ ᠠᠳᠠᠯ | ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠪᠢᠴᠢᠭ ᠢᠶᠠᠷ ᠵᠠᠷᠯᠠᠨ᠎ᠠ᠃ | ᠠᠷᠪᠠᠨ ᠨᠢᠭᠡᠳᠦᠭᠡᠷ ᠵᠦᠢᠯ ᠪᠡᠯᠡᠳᠭᠡᠯ ᠠᠵᠢᠯ ᠤᠨ ᠳᠤᠭᠤᠢᠢᠯᠠᠩ ᠪᠠᠶᠢᠭᠤᠯᠤᠬᠳᠠᠬᠰᠠᠨ ᠡᠳᠦᠷ ᠠᠴᠠ ᠪᠠᠨ | ᠡᠬᠢᠯᠡᠨ 30 ᠡᠳᠦᠷ ᠤᠨ ᠳᠤᠲᠤᠷ᠎ᠠ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ | ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ | ᠰᠠᠯᠠᠭ᠎ᠠ ᠮᠦᠴᠢᠷ ᠪᠤᠶᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ | ᠠᠷᠠᠳ ᠤᠨ ᠵᠠᠰᠠᠬ ᠤᠨ ᠤᠷᠳᠤᠨ ᠤ ᠵᠢᠯᠤᠭᠤᠳᠤᠯᠭ᠎ᠠ ᠳᠤᠤᠷ᠎ᠠ᠂ ᠦᠮᠴᠢᠳᠡᠨ ᠢ ᠵᠤᠬᠢᠶᠠᠨ ᠪᠠᠶᠢᠭᠤᠯᠤᠨ ᠠᠩᠬᠠᠳᠤᠭᠠᠷ | ᠤᠳᠠᠭ᠎ᠠ ᠶᠢᠨ ᠦᠮᠴᠢᠳᠡᠳ ᠤᠨ ᠶᠡᠭᠡ ᠬᠤᠷᠠᠯ ᠢ ᠬᠤᠷᠠᠯᠳᠤᠭᠤᠯᠬᠤ ᠶᠢᠨ ᠬᠠᠮᠳᠤ ᠬᠠᠮᠢᠶᠠᠷᠤᠯᠳᠠ ᠶᠢᠨ ᠭᠡᠷ᠎ᠡ | ᠳᠤᠬᠳᠠᠭᠠᠯ᠂ ᠦᠮᠴᠢᠳᠡᠳ ᠤᠨ ᠶᠡᠭᠡ ᠬᠤᠷᠠᠯ ᠤᠨ ᠭᠡᠷᠡᠭ ᠵᠦᠪᠯᠡᠬᠦ ᠲᠦᠷᠢᠮ ᠢ ᠪᠠᠳᠤᠯᠠᠵᠤ᠂ ᠦᠮᠴᠢᠳᠡᠳ ᠤᠨ | ᠵᠦᠪᠯᠡᠯ ᠢ ᠰᠤᠩᠭᠤᠨ ᠭᠠᠷᠭᠠᠬᠤ ᠬᠡᠷᠡᠭᠲᠠᠢ᠃ | ᠨᠢᠭᠡ ᠯᠡ ᠦᠮᠴᠢᠳᠡᠨ ᠲᠠᠢ ᠪᠤᠶᠤ ᠡᠰᠡᠭᠦᠯ᠎ᠠ ᠦᠮᠴᠢᠳᠡᠨ ᠤ ᠲᠤᠭ᠎ᠠ ᠨᠡᠯᠢᠶᠡᠳ ᠴᠦᠬᠡᠨ ᠪᠦᠭᠡᠳ ᠪᠦᠬᠦ | ᠦᠮᠴᠢᠳᠡᠨ ᠦᠮᠴᠢᠳᠡᠳ ᠤᠨ ᠶᠡᠭᠡ ᠬᠤᠷᠠᠯ ᠦᠯᠦ ᠪᠠᠶᠢᠭᠤᠯᠬᠤ ᠶᠢ ᠰᠠᠨᠠᠯ ᠨᠢᠭᠡᠲᠠᠢ ᠵᠦᠪᠰᠢᠶᠡᠷᠡᠭᠰᠡᠨ ᠪᠤᠯ | ᠦᠮᠴᠢᠳᠡᠳ ᠬᠠᠮᠳᠤᠪᠠᠷ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠤᠨ ᠲᠤᠰᠢᠶᠠᠯ | ᠬᠠᠷᠢᠭᠤᠴᠠᠯᠭ᠎ᠠ ᠶᠢ ᠭᠦᠢᠴᠡᠳᠭᠡᠨ᠎ᠠ᠃ | ᠠᠷᠪᠠᠨ ᠬᠤᠶᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯ ᠨᠢ ᠬᠠᠮᠳᠤ ᠪᠠᠷ ᠵᠦᠪᠯᠡᠬᠦ ᠬᠡᠯᠪᠡᠷᠢ | ᠶᠢ ᠬᠡᠷᠡᠭᠯᠡᠵᠤ ᠪᠤᠯᠤᠨ᠎ᠠ᠂ ᠪᠠᠰᠠ ᠪᠢᠴᠢᠭ ᠢᠶᠠᠷ ᠰᠠᠨᠠᠯ ᠬᠤᠷᠢᠶᠠᠬᠤ ᠬᠡᠯᠪᠡᠷᠢ ᠶᠢ ᠬᠡᠷᠡᠭᠯᠡᠵᠦ ᠪᠤᠯᠤᠨ᠎ᠠ᠃ ᠭᠡᠪᠡᠴᠦ | ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠲᠤᠰᠬᠠᠢ ᠦᠮᠴᠢᠯᠡᠭᠰᠡᠨ ᠲᠠᠯᠠᠪᠠᠢ ᠨᠢ ᠪᠠᠷᠢᠯᠭ᠎ᠠ ᠶᠢᠨ | ᠶᠡᠷᠦᠩᠬᠡᠢ ᠲᠠᠯᠠᠪᠠᠢ ᠶᠢᠨ ᠬᠠᠭᠠᠰ ᠠᠴᠠ ᠳᠠᠪᠠᠭᠰᠠᠨ ᠦᠮᠴᠢᠳᠡᠳ ᠪᠦᠭᠡᠳ ᠪᠦᠬᠦ ᠬᠦᠮᠦᠨ ᠤ ᠲᠤᠭ᠎ᠠ ᠶᠢᠨ ᠬᠠᠭᠠᠰ | ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠤᠷᠤᠯᠴᠠᠬᠤ ᠭᠡᠷᠡᠭᠲᠡᠢ᠃ | ᠦᠮᠴᠢᠳᠡᠳ ᠦᠮᠴᠢᠳᠡᠳ ᠤᠨ ᠶᠡᠭᠡ ᠬᠤᠷᠠᠯ ᠤᠨ ᠬᠤᠷᠠᠯ ᠳᠤ ᠤᠷᠤᠯᠴᠠᠬᠤ ᠭᠡᠷᠡᠭᠲᠡᠢ᠃ ᠤᠴᠢᠷ ᠰᠢᠯᠲᠠᠭᠠᠨ | ᠲᠠᠢ ᠤᠷᠤᠯᠴᠠᠵᠤ ᠲᠡᠶᠢᠯᠬᠦ ᠦᠭᠡᠢ ᠪᠤᠯ᠂ ᠤᠷᠤᠯᠠᠬᠴᠢ ᠳᠤ ᠪᠢᠴᠢᠭ ᠢᠶᠠᠷ ᠨᠠᠶᠢᠳᠠᠵᠤ ᠤᠷᠤᠯᠴᠠᠭᠤᠯᠵᠤ ᠪᠤᠯᠤᠨ᠎ᠠ᠃ | ᠠᠷᠪᠠᠨ ᠭᠤᠷᠪᠠᠳᠤᠭᠠᠷ ᠵᠦᠢᠯ ᠦᠮᠴᠢᠳᠡᠳ ᠤᠨ ᠶᠡᠭᠡ ᠬᠤᠷᠠᠯ ᠠᠴᠠ ᠳᠤᠬᠳᠠᠭᠠᠯ ᠭᠠᠷᠭᠠᠬᠤ ᠳᠤ ᠳᠤᠰᠬᠠᠢ | ᠦᠮᠴᠢᠯᠡᠭᠰᠡᠨ ᠳᠠᠯᠠᠪᠠᠢ ᠨᠢ ᠪᠠᠷᠢᠯᠭ᠎ᠠ ᠶᠢᠨ ᠶᠡᠷᠦᠩᠬᠡᠢ ᠲᠠᠯᠠᠪᠠᠢ ᠶᠢᠨ ᠬᠠᠭᠠᠰ ᠠᠴᠠ ᠳᠠᠪᠠᠭᠰᠠᠨ ᠦᠮᠴᠢᠳᠡᠳ | ᠪᠦᠭᠡᠳ ᠪᠦᠬᠦ ᠬᠦᠮᠦᠨ ᠤ ᠳᠤᠭ᠎ᠠ ᠶᠢᠨ ᠬᠠᠭᠠᠰ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠦᠪᠰᠢᠶᠡᠷᠡᠭᠦᠯᠬᠦ | ᠭᠡᠷᠡᠭᠲᠡᠢ᠃ ᠦᠮᠴᠢᠳᠡᠳ ᠤᠨ ᠶᠡᠭᠡ ᠬᠤᠷᠠᠯ ᠠᠴᠠ ᠲᠤᠰᠬᠠᠢ ᠲᠦᠷᠦᠯ ᠤᠨ ᠵᠠᠰᠠᠨ ᠰᠡᠯᠪᠢᠬᠦ ᠪᠡᠯᠡ ᠮᠦᠡᠭᠬᠦ ᠶᠢ | ᠴᠤᠬᠯᠭᠤᠯᠬᠤ ᠪᠠ ᠭᠡᠷᠡᠭᠯᠡᠬᠦ ᠵᠢᠴᠢ ᠪᠠᠷᠢᠯᠭ᠎ᠠ ᠪᠤᠯᠤᠨ ᠲᠠᠭᠠᠯᠳᠠ ᠲᠦᠭᠦᠭᠡᠷᠦᠮᠵᠢ ᠶᠢ ᠦᠭᠡᠷᠡᠴᠢᠯᠡᠨ ᠪᠠᠶᠢᠭᠤᠯᠬᠤ᠂ | ᠳᠠᠬᠢᠨ ᠪᠠᠷᠢᠬᠤ ᠳᠤᠬᠳᠠᠭᠠᠯ ᠭᠠᠷᠭᠠᠬᠤ ᠳᠤ ᠳᠤᠰᠬᠠᠢ ᠦᠮᠴᠢᠯᠡᠭᠰᠡᠨ ᠲᠠᠯᠠᠪᠠᠢ ᠨᠢ ᠪᠠᠷᠢᠯᠭ᠎ᠠ ᠶᠢᠨ ᠶᠡᠷᠦᠩᠬᠡᠢ ᠲᠠᠯᠠᠪᠠᠢ | ᠶᠢᠨ ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠪᠦᠭᠡᠳ ᠪᠦᠬᠦ ᠬᠦᠮᠦᠨ ᠤ ᠲᠤᠭ᠎ᠠ ᠶᠢᠨ | ᠭᠤᠷᠪᠠᠨ ᠤ ᠬᠤᠶᠠᠷ ᠠᠴᠠ ᠳᠡᠭᠡᠭᠰᠢᠬᠢ ᠶᠢ ᠡᠵᠡᠯᠡᠬᠦ ᠦᠮᠴᠢᠳᠡᠳ ᠢᠶᠠᠷ ᠵᠦᠪᠰᠢᠶᠡᠷᠡᠭᠦᠯᠬᠦ ᠭᠡᠷᠡᠭᠲᠡᠢ᠃ | ᠦᠮᠴᠢᠳᠡᠳ ᠤᠨ ᠶᠡᠭᠡ ᠬᠤᠷᠠᠯ ᠤᠨ ᠳᠤᠬᠳᠠᠭᠠᠯ ᠨᠢ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ | ᠪᠦᠬᠦ ᠦᠮᠴᠢᠳᠡᠨ ᠳᠤ ᠬᠢᠵᠠᠭᠠᠷᠯᠠᠬᠤ ᠬᠦᠴᠦᠨ ᠲᠠᠢ᠃ | ᠦᠮᠴᠢᠳᠡᠳ ᠤᠨ ᠶᠡᠭᠡ ᠬᠤᠷᠠᠯ ᠪᠤᠶᠤ ᠦᠮᠴᠢᠳᠡᠳ ᠤᠨ ᠵᠦᠪᠯᠡᠯ ᠠᠴᠠ ᠭᠠᠷᠭᠠᠬᠰᠠᠨ ᠳᠤᠬᠳᠠᠭᠠᠯ ᠨᠢ | ᠦᠮᠴᠢᠳᠡᠳ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠪᠠᠯ᠂ ᠬᠤᠬᠢᠷᠠᠯ ᠠᠮᠰᠠᠭᠰᠠᠨ ᠦᠮᠴᠢᠳᠡᠨ | ᠠᠷᠠᠳ ᠤᠨ ᠰᠢᠭᠦᠬᠦ ᠬᠤᠷᠢᠶ᠎ᠠ ᠳᠤ ᠡᠷᠭᠦᠳᠡᠯ ᠭᠠᠷᠭᠠᠵᠣ ᠬᠦᠴᠦᠨ ᠦᠭᠡᠢ ᠪᠤᠯᠭᠠᠵᠤ ᠪᠤᠯᠤᠨ᠎ᠠ᠃ | ᠠᠷᠪᠠᠨ ᠲᠦᠷᠪᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠤᠨ ᠬᠤᠷᠠᠯ ᠢ ᠳᠤᠬᠳᠠᠬᠰᠠᠨ ᠬᠤᠭᠤᠴᠠᠭᠠᠨ ᠤ | ᠬᠤᠷᠠᠯ ᠪᠠ ᠲᠦᠷ ᠴᠠᠬ ᠤᠨ ᠬᠤᠷᠠᠯ ᠭᠡᠵᠦ ᠬᠤᠪᠢᠶᠠᠨ᠎ᠠ᠃ | ᠦᠮᠴᠢᠳᠡᠳ ᠤᠨ ᠶᠡᠭᠡ ᠬᠤᠷᠠᠯ ᠤᠨ ᠳᠤᠬᠳᠠᠬᠰᠠᠨ ᠬᠤᠭᠤᠴᠠᠭᠠᠨ ᠤ ᠬᠤᠷᠠᠯ ᠢ ᠦᠮᠴᠢᠳᠡᠳ ᠤᠨ ᠶᠡᠭᠡ | ᠬᠤᠷᠠᠯ ᠤᠨ ᠬᠡᠷᠡᠭ ᠵᠦᠪᠯᠡᠬᠦ ᠲᠦᠷᠢᠮ ᠤᠨ ᠳᠤᠬᠳᠠᠭᠠᠯ ᠶᠤᠰᠤᠭᠠᠷ ᠦᠮᠴᠢᠳᠡᠳ ᠤᠨ ᠵᠦᠪᠯᠡᠯ ᠠᠴᠠ ᠵᠤᠬᠢᠶᠠᠨ | ᠪᠠᠶᠢᠭᠤᠯᠤᠨ ᠬᠤᠷᠠᠯᠳᠤᠭᠤᠯᠬᠤ ᠭᠡᠷᠡᠭᠲᠡᠢ᠃ ᠳᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠦᠮᠴᠢᠳᠡᠳ ᠤᠨ ᠵᠦᠪᠯᠡᠯ | ᠠᠴᠠ ᠴᠠᠬ ᠲᠤᠬᠠᠢ ᠳᠤᠨᠢ ᠦᠮᠴᠢᠳᠡᠳ ᠤᠨ ᠶᠡᠭᠡ ᠬᠤᠷᠠᠯ ᠤᠨ ᠲᠦᠷ ᠴᠠᠬ ᠤᠨ ᠬᠤᠷᠠᠯ ᠢ ᠵᠤᠬᠢᠶᠠᠨ ᠪᠠᠶᠢᠭᠤᠯᠤᠨ | ᠬᠤᠷᠠᠯᠳᠤᠭᠤᠯᠬᠤ ᠬᠡᠷᠡᠭᠲᠡᠢ᠃ | ︵ᠨᠢᠭᠡ︶ 20% ᠠᠴᠠ ᠳᠡᠭᠡᠭᠰᠢ ᠦᠮᠴᠢᠳᠡᠳ ᠳᠤᠷᠠᠳᠤᠬᠰᠠᠨ︔ | ︵ᠬᠤᠷᠠᠷ︶ ᠬᠦᠨᠳᠤ ᠴᠢᠬᠤᠯᠠ ᠪᠤᠶᠤ ᠪᠠᠴᠢᠮ ᠤᠴᠢᠷ ᠭᠠᠷᠴᠤ ᠴᠠᠬ ᠳᠤᠬᠠᠢ ᠳᠤᠨᠢ ᠰᠢᠢᠳᠪᠦᠷᠢᠯᠡᠬᠦ ᠴᠢᠬᠤᠯᠠ | ᠲᠠᠢ ᠪᠤᠯᠤᠬᠰᠠᠨ︔ | ︵ᠭᠤᠷᠪᠠ︶ ᠦᠮᠴᠢᠳᠡᠳ ᠤᠨ ᠶᠡᠭᠡ ᠬᠤᠷᠠᠯ ᠤᠨ ᠭᠡᠷᠡᠭ ᠵᠦᠪᠯᠡᠬᠦ ᠲᠦᠷᠢᠮ ᠪᠤᠶᠤ ᠬᠠᠮᠢᠶᠠᠷᠤᠯᠳᠠ ᠶᠢᠨ ᠭᠡᠷ᠎ᠡ | ᠳᠤᠬᠳᠠᠭᠠᠯ ᠳᠤ ᠳᠤᠬᠳᠠᠭᠠᠬᠰᠠᠨ ᠪᠤᠰᠤᠳ ᠪᠠᠶᠢᠳᠠᠯ᠃ | ᠦᠮᠴᠢᠳᠡᠳ ᠤᠨ ᠶᠡᠭᠡ ᠬᠤᠷᠠᠯ ᠤᠨ ᠲᠦᠷ ᠴᠠᠬ ᠤᠨ ᠬᠤᠷᠠᠯ ᠢ ᠬᠤᠷᠠᠯᠳᠤᠭᠤᠯᠬᠤ ᠴᠢᠬᠤᠯᠠ ᠲᠠᠢ ᠪᠠᠶᠢᠳᠠᠯ | ᠡᠭᠦᠰᠪᠡᠯ᠂ ᠦᠮᠴᠢᠳᠡᠳ ᠤᠨ ᠵᠦᠪᠯᠡᠯ ᠬᠤᠷᠠᠯ ᠬᠢᠵᠥ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠦᠭᠡᠢ | ᠪᠠᠶᠢᠪᠠᠯ᠂ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ | ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠦᠮᠴᠢᠳᠡᠳ ᠤᠨ ᠵᠦᠪᠯᠡᠯ ᠢ ᠵᠠᠷᠯᠢᠬᠳᠠᠨ | ᠬᠤᠭᠤᠴᠠᠭ᠎ᠠ ᠬᠢᠵᠠᠭᠠᠷᠯᠠᠨ ᠬᠤᠷᠠᠯᠳᠤᠭᠤᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠦᠮᠴᠢᠳᠡᠳ ᠤᠨ ᠵᠦᠪᠯᠠᠯ ᠪᠤᠯ ᠦᠮᠴᠢᠳᠡᠳ ᠤᠨ ᠶᠡᠭᠡ ᠬᠤᠷᠠᠯ ᠤᠨ ᠭᠦᠢᠴᠡᠳᠭᠡᠬᠦ | ᠪᠠᠶᠢᠭᠤᠯᠤᠮᠵᠢ ᠮᠦᠨ᠂ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠭᠡᠷᠡᠭᠲᠡᠢ᠃ | ᠦᠮᠴᠢᠳᠡᠳ ᠤᠨ ᠵᠦᠪᠯᠡᠯ ᠤᠨ ᠬᠦᠮᠦᠨ ᠤ ᠲᠤᠭ᠎ᠠ ᠶᠢ ᠦᠮᠴᠢᠳᠡᠳ ᠤᠨ ᠶᠡᠭᠡ ᠬᠤᠷᠠᠯ ᠠᠴᠠ ᠪᠤᠳᠠᠲᠤ ᠪᠠᠶᠢᠳᠠᠯ | ᠢᠶᠠᠨ ᠦᠨᠳᠦᠰᠦᠯᠡᠨ᠂ 3 — 9 ᠬᠦᠮᠦᠨ ᠤ ᠬᠤᠭᠤᠷᠤᠨᠳᠤᠬᠢ ᠰᠤᠨᠳᠤᠭᠤᠢ ᠲᠤᠭ᠎ᠠ ᠪᠠᠷ ᠳᠤᠬᠳᠠᠭᠠᠬᠤ ᠭᠡᠷᠡᠭᠲᠡᠢ᠃ | | ᠦᠮᠴᠢᠳᠡᠳ ᠤᠨ ᠵᠦᠪᠯᠡᠯ ᠨᠢ ᠦᠮᠴᠢᠳᠡᠳ ᠤᠨ ᠵᠦᠪᠯᠡᠯ ᠤᠨ ᠭᠡᠰᠢᠬᠦᠨ ᠤ ᠳᠤᠲᠤᠷ᠎ᠠ ᠠᠴᠠ ᠡᠷᠬᠢᠯᠡᠭᠴᠢ 1 | ᠬᠦᠮᠦᠨ᠂ ᠲᠡᠳ᠋ ᠡᠷᠬᠢᠯᠡᠭᠴᠢ 1 — 2 ᠬᠦᠮᠦᠨ ᠢ ᠰᠤᠩᠭᠤᠨ ᠭᠠᠷᠭᠠᠬᠤ ᠭᠡᠷᠡᠭᠲᠡᠢ᠃ | ᠦᠮᠴᠢᠳᠡᠳ ᠤᠨ ᠵᠦᠪᠯᠡᠯ ᠤᠨ ᠭᠡᠰᠢᠬᠦᠨ ᠲᠤᠰ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠢᠯᠠᠯ ᠳᠤ ᠳᠤᠰᠢᠶᠠᠯ ᠬᠠᠪᠰᠤᠷᠭᠠᠵᠤ ᠪᠤᠯᠬᠤ ᠦᠭᠡᠢ᠃ | ᠦᠮᠴᠢᠳᠡᠳ ᠤᠨ ᠵᠦᠪᠯᠡᠯ ᠰᠤᠩᠭᠤᠬᠳᠠᠨ ᠭᠠᠷᠤᠬᠰᠠᠨ ᠡᠲᠦᠷ ᠠᠴᠠ ᠡᠬᠢᠯᠡᠨ 30 ᠡᠲᠦᠷ ᠤᠨ ᠳᠤᠲᠤᠷ᠎ᠠ᠂ | ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ | ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠠ ᠵᠡᠭᠡᠯᠢ ᠭᠤᠳᠤᠮᠵᠢ | ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠬ ᠤᠨ ᠤᠷᠳᠤᠨ ᠳᠤ | ᠳᠠᠩᠰᠠᠯᠠᠭᠤᠯᠬᠤ ᠬᠡᠷᠡᠭᠲᠡᠢ᠃ | ᠠᠷᠪᠠᠨ ᠵᠢᠷᠭᠤᠳᠤᠭᠠᠷ ᠵᠦᠢᠯ ᠦᠮᠴᠢᠳᠡᠳ ᠤᠨ ᠵᠦᠪᠯᠡᠯ ᠤᠨ ᠬᠡᠰᠢᠬᠦᠨ ᠨᠢ ᠳᠤᠤᠷᠠᠬᠢ ᠨᠦᠬᠦᠴᠡᠯ ᠳᠤ ᠨᠡᠶᠢᠴᠡᠬᠦ | ᠬᠡᠷᠡᠭᠲᠡᠢ᠃ | ︵ᠨᠢᠭᠡ︶ ᠳᠤᠰ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠢᠷᠭᠡᠨ ᠤ ᠦᠢᠯᠡ ᠠᠵᠢᠯᠯᠠᠭ᠎ᠠ ᠶᠢᠨ | ᠪᠦᠷᠢᠨ ᠴᠢᠳᠠᠪᠦᠷᠢ ᠲᠠᠢ ᠦᠮᠴᠢᠳᠡᠨ ᠪᠠᠶᠢᠬᠤ ᠬᠡᠷᠡᠭᠲᠡᠢ︔ | ︵ᠬᠤᠶᠠᠷ︶ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠢ ᠵᠢᠷᠦᠮᠯᠡᠬᠤ ᠬᠡᠷᠡᠭᠲᠡᠢ︔ | ︵ᠭᠤᠷᠪᠠ︶ ᠦᠮᠴᠢᠳᠡᠨ ᠤ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ᠂ ᠬᠠᠮᠢᠶᠠᠶᠤᠯᠳᠠ ᠶᠢᠨ ᠭᠡᠷ᠎ᠠ | ᠳᠤᠬᠳᠠᠭᠠᠯ ᠢ ᠵᠢᠷᠦᠮᠯᠡᠵᠦ᠂ ᠦᠮᠴᠢᠳᠡᠨ ᠤ ᠡᠬᠦᠷᠭᠡ ᠪᠠᠨ ᠵᠢᠱᠢᠶᠡᠴᠢ ᠪᠠᠷ ᠭᠦᠢᠴᠡᠳᠭᠡᠬᠦ ᠬᠡᠷᠡᠭᠲᠡᠢ︔ | ︵ᠲᠦᠷᠪᠡ︶ ᠤᠯᠠᠨ ᠨᠡᠶᠢᠳᠡ ᠶᠢᠨ ᠠᠵᠢᠯ ᠦᠢᠯᠡᠰ ᠢ ᠬᠠᠯᠠᠮᠵᠢᠯᠠᠵᠤ᠂ ᠬᠠᠷᠢᠭᠤᠴᠠᠯᠭᠠᠲᠤ ᠤᠪᠤᠷ ᠴᠢᠩᠭ᠎ᠠ᠂ | ᠲᠦᠪ ᠭᠤᠤᠯᠴᠢ ᠴᠢᠭᠡᠴᠢ ᠰᠢᠳᠣᠷᠭᠤ᠂ ᠨᠡᠶᠢᠭᠡᠮ ᠨᠡᠶᠢᠳᠡ ᠳᠤ ᠢᠳᠡᠭᠡᠭᠦᠯᠬᠦ ᠬᠦᠴᠦᠨ ᠲᠠᠢ ᠪᠠᠶᠢᠬᠤ ᠭᠡᠷᠡᠭᠲᠡᠢ︔ | ︵ᠲᠠᠪᠤ︶ ᠵᠤᠬᠢᠬᠤ ᠵᠤᠬᠢᠶᠠᠨ ᠪᠠᠶᠢᠭᠤᠯᠬᠤ ᠴᠢᠳᠠᠪᠤᠷᠢ ᠲᠠᠢ ᠪᠠᠶᠢᠬᠤ ᠬᠡᠷᠡᠭᠲᠡᠢ︔ | ︵ᠵᠢᠷᠭᠤᠭ᠎ᠠ︶ ᠴᠢᠬᠤᠯᠠ ᠪᠦᠬᠦᠢ ᠠᠵᠢᠯᠯᠠᠬᠤ ᠴᠠᠬ ᠲᠠᠢ ᠪᠠᠶᠢᠬᠤ ᠬᠡᠷᠡᠭᠲᠡᠢ᠃ | ᠠᠷᠪᠠᠨ ᠳᠤᠯᠤᠳᠤᠭᠠᠷ ᠵᠦᠢᠯ ᠦᠮᠴᠢᠳᠡᠨ ᠤ ᠵᠦᠪᠯᠡᠯ ᠤᠨ ᠭᠤᠷᠪᠠᠨ ᠤ ᠨᠢᠭᠡ ᠠᠴᠠ ᠳᠡᠭᠡᠭᠰᠢᠬᠢ ᠭᠡᠰᠢᠬᠦᠨ | ᠠᠴᠠ ᠳᠤᠷᠠᠳᠤᠯᠭ᠎ᠠ ᠭᠠᠷᠭᠠᠬᠤ ᠪᠤᠶᠤ ᠦᠮᠴᠢᠳᠡᠨ ᠤ ᠵᠦᠪᠯᠡᠯ ᠤᠨ ᠡᠷᠬᠢᠯᠡᠭᠴᠢ ᠴᠢᠬᠤᠯᠠ ᠲᠠᠢ ᠭᠡᠵᠦ ᠦᠵᠡᠪᠡᠯ᠂ | ᠴᠠᠬ ᠳᠤᠬᠠᠢ ᠳᠤᠨᠢ ᠦᠮᠴᠢᠳᠡᠨ ᠤ ᠵᠦᠪᠯᠡᠯ ᠤᠨ ᠬᠤᠷᠠᠯ ᠬᠢᠬᠦ ᠭᠡᠷᠡᠭᠲᠡᠢ᠃ | ᠠᠷᠪᠠᠨ ᠨᠠᠶᠢᠮᠠᠳᠤᠭᠠᠷ ᠵᠦᠢᠯ ᠦᠮᠴᠢᠳᠡᠨ ᠤ ᠵᠦᠪᠯᠡᠯ ᠤᠨ ᠬᠤᠷᠠᠯ ᠳᠤ ᠬᠠᠭᠠᠰ ᠠᠴᠠ ᠳᠡᠭᠡᠭᠰᠢᠬᠢ ᠭᠡᠰᠢᠬᠦᠨ | ᠤᠷᠤᠯᠴᠠᠬᠤ ᠭᠡᠷᠡᠭᠲᠡᠢ᠂ ᠳᠤᠬᠳᠠᠭᠠᠯ ᠭᠠᠷᠭᠠᠬᠤ ᠳᠤ ᠵᠠᠪᠠᠯ ᠪᠦᠬᠦ ᠭᠡᠰᠢᠬᠦᠳ ᠤᠨ ᠬᠠᠭᠠᠰ ᠠᠴᠠ ᠳᠡᠭᠡᠭᠰᠢᠬᠢ ᠳᠤᠭ᠎ᠠ | ᠪᠠᠷ ᠵᠦᠪᠰᠢᠶᠡᠷᠡᠬᠦᠯᠬᠦ ᠬᠡᠷᠡᠭᠲᠡᠢ᠃ | ᠦᠮᠴᠢᠳᠡᠳ ᠤᠨ ᠵᠦᠪᠯᠡᠯ ᠤᠨ ᠳᠤᠬᠳᠠᠭᠠᠯ ᠢᠶᠠᠨ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠶᠤᠯᠳᠠ | ᠶᠢᠨ ᠤᠷᠤᠨ ᠳᠤ ᠴᠠᠬ ᠲᠤᠬᠠᠢ ᠳᠤᠨᠢ ᠵᠠᠷᠯᠠᠬᠤ ᠬᠡᠷᠡᠭᠲᠡᠢ᠃ | ᠠᠷᠪᠠ ᠶᠢᠰᠦᠳᠦᠭᠡᠷ ᠵᠦᠢᠯ ᠦᠮᠴᠢᠳᠡᠳ ᠤᠨ ᠵᠦᠪᠯᠡᠯ ᠠᠳᠠᠯ ᠠᠬᠤᠢ ᠶᠢᠨ ᠦᠢᠯᠡᠴᠢᠯᠡᠭᠡᠨ ᠤ ᠠᠵᠤ | ᠠᠬᠤᠢᠢᠯᠠᠯ ᠢ ᠬᠠᠪᠰᠤᠷᠤᠨ᠂ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢᠶᠠᠨ ᠳᠤᠬᠳᠠᠭᠰᠠᠨ | ᠬᠤᠭᠤᠴᠠᠭᠠᠨ ᠳᠤ ᠳᠤᠰᠢᠶᠠᠬᠤ ᠦᠭᠡᠢ ᠦᠮᠴᠢᠳᠡᠨ ᠢ ᠱᠠᠭᠠᠷᠳᠠᠵᠥ᠂ ᠠᠳᠠᠯ ᠠᠬᠤᠢ ᠶᠢᠨ ᠦᠢᠯᠡᠴᠢᠯᠡᠭᠡᠨ ᠤ | ᠰᠦᠢᠳᠭᠡᠯ ᠢ ᠨᠢ ᠬᠤᠭᠤᠴᠠᠭ᠎ᠠ ᠬᠢᠵᠠᠭᠠᠷᠯᠠᠨ ᠲᠤᠰᠢᠶᠠᠯᠭᠠᠬᠤ ᠬᠡᠷᠡᠭᠲᠡᠢ᠃ | ᠬᠤᠷᠢᠳᠤᠭᠠᠷ ᠵᠦᠢᠯ ᠦᠮᠴᠢᠳᠡᠳ ᠤᠨ ᠵᠦᠪᠯᠡᠯ ᠤᠨ ᠳᠤᠰᠢᠶᠠᠯ ᠤᠨ ᠬᠤᠭᠤᠴᠠᠭ᠎ᠠ ᠲᠠᠭᠤᠰᠬᠤ ᠠᠴᠠ 2 ᠰᠠᠷ᠎ᠠ | ᠶᠢᠨ ᠡᠮᠦᠨ᠎ᠠ᠂ ᠦᠮᠴᠢᠳᠡᠳ ᠤᠨ ᠶᠡᠭᠡ ᠬᠤᠷᠠᠯ ᠬᠢᠵᠤ᠂ ᠦᠮᠴᠢᠳᠡᠳ ᠤᠨ ᠵᠦᠪᠯᠡᠯ ᠤᠨ ᠬᠤᠭᠤᠴᠠᠭ᠎ᠠ ᠰᠤᠯᠢᠬᠤ | ᠰᠤᠩᠭᠤᠭᠤᠯᠢ ᠬᠢᠬᠦ ᠬᠡᠷᠡᠭᠲᠡᠢ᠃ ᠬᠤᠭᠤᠴᠠᠭ᠎ᠠ ᠨᠢ ᠬᠡᠳᠦᠷᠡᠭᠡᠳ ᠬᠤᠭᠤᠴᠠᠭ᠎ᠠ ᠰᠤᠯᠢᠭᠰᠠᠠ ᠦᠭᠡᠢ ᠪᠠᠶᠢᠪᠠᠯ᠂ ᠭᠡᠷ | ᠭᠠᠵᠡᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠵᠢᠯᠳᠠᠨ ᠲᠤᠮᠢᠯᠠᠵᠤ | ᠳᠡᠳᠡᠨ ᠤ ᠬᠤᠭᠤᠴᠠᠭ᠎ᠠ ᠰᠤᠯᠢᠬᠤ ᠠᠵᠢᠯ ᠢ ᠵᠢᠯᠤᠭᠤᠳᠤᠭᠤᠯᠬᠤ ᠬᠡᠷᠡᠭᠲᠡᠢ᠃ | ᠤᠤᠯ ᠤᠨ ᠦᠮᠴᠢᠳᠡᠳ ᠤᠨ ᠵᠦᠪᠯᠡᠯ ᠨᠢ ᠲᠤᠰᠢᠶᠠᠯ ᠤᠨ ᠬᠤᠭᠤᠴᠠᠭ᠎ᠠ ᠭᠦᠢᠴᠡᠭᠰᠡᠨ ᠡᠲᠦᠷ ᠠᠴᠠ 10 | ᠡᠲᠦᠷ ᠤᠨ ᠲᠤᠳᠤᠷ᠎ᠠ᠂ ᠬᠠᠳᠠᠭᠠᠯᠠᠨ ᠬᠠᠮᠢᠶᠠᠷᠴᠤ ᠪᠠᠶᠢᠭ᠎ᠠ ᠳᠠᠩᠰᠠ ᠮᠠᠲ᠋ᠧᠷᠢᠶᠡᠯ᠂ ᠲᠠᠮᠠᠭ᠎ᠠ ᠵᠢᠴᠢ ᠪᠤᠰᠤᠳ | ᠦᠮᠴᠢᠳᠡᠳ ᠤᠨ ᠶᠡᠭᠡ ᠬᠤᠷᠠᠯ ᠳᠤ ᠦᠮᠴᠢᠯᠡᠭᠳᠡᠬᠦ ᠡᠳ᠋ ᠪᠤᠳᠠᠰ ᠢᠶᠠᠨ ᠰᠢᠨ᠎ᠡ ᠨᠢᠭᠡ ᠬᠤᠭᠤᠴᠠᠭᠠᠨ ᠤ | ᠦᠮᠴᠢᠳᠡᠳ ᠤᠨ ᠵᠦᠪᠯᠡᠯ ᠳᠤ ᠲᠤᠰᠢᠶᠠᠬᠤ ᠶᠢᠨ ᠬᠠᠮᠳᠤ ᠲᠤᠰᠢᠶᠠᠬᠤ ᠪᠠ ᠬᠦᠯᠢᠶᠡᠨ ᠠᠪᠬᠤ ᠠᠵᠢᠯ ᠢᠶᠠᠨ ᠰᠠᠶᠢᠳᠤᠷ | ᠬᠢᠬᠦ ᠭᠡᠷᠡᠭᠲᠡᠢ᠃ | ᠬᠤᠷᠢᠨ ᠨᠢᠭᠡᠳᠦᠭᠡᠷ ᠵᠦᠢᠯ ᠦᠮᠴᠢᠳᠡᠳ ᠤᠨ ᠵᠦᠪᠯᠡᠯ ᠤᠨ ᠭᠡᠰᠢᠬᠦᠨ ᠳᠤᠤᠷᠠᠬᠢ ᠪᠠᠶᠢᠳᠠᠯ ᠤᠨ ᠨᠢᠭᠡ ᠨᠢ | ᠪᠠᠶᠢᠪᠠᠯ᠂ ᠦᠮᠴᠢᠳᠡᠳ ᠤᠨ ᠶᠡᠭᠡ ᠬᠤᠷᠠᠯ ᠢᠶᠠᠷ ᠵᠦᠪᠰᠢᠶᠷᠡᠬᠦᠯᠵᠤ᠂ ᠳᠡᠭᠦᠨ ᠤ ᠦᠮᠴᠢᠳᠡᠳ ᠤᠨ ᠵᠦᠪᠯᠡᠯ ᠤᠨ | ᠭᠡᠰᠢᠬᠦᠨ ᠤ ᠬᠢᠷᠢ ᠭᠡᠮ ᠢ ᠨᠢ ᠬᠦᠴᠦᠨ ᠦᠭᠡᠢ ᠪᠤᠯᠭᠠᠨ᠎ᠠ᠃ | ︵ᠨᠢᠭᠡ︶ ᠠᠳᠠᠯ ᠠᠬᠤᠢ ᠪᠠᠨ ᠪᠤᠰᠤᠳ ᠳᠤ ᠰᠢᠯᠵᠢᠬᠦᠯᠦᠨ ᠦᠭᠭᠦᠭᠰᠡᠨ᠂ ᠠᠯᠠᠭ᠎ᠠ ᠪᠤᠯᠤᠬᠰᠠᠨ ᠵᠡᠷᠭᠡ | ᠰᠢᠯᠳᠠᠭᠠᠨ ᠠᠴᠠ ᠪᠤᠯᠵᠤ ᠦᠮᠴᠢᠳᠡᠨ ᠪᠢᠰᠢ ᠪᠤᠯᠤᠬᠰᠠᠨ︔ | ︵ᠬᠤᠶᠠᠷ︶ ᠦᠮᠴᠢᠳᠡᠳ ᠤᠨ ᠵᠦᠪᠯᠡᠯ ᠤᠨ ᠬᠤᠷᠠᠯ ᠳᠤ ᠰᠢᠯᠳᠠᠭᠠᠨ ᠦᠭᠡᠢ ᠪᠠᠷ ᠵᠠᠯᠭᠠᠪᠡᠷ 3 ᠠᠴᠠ ᠳᠡᠭᠡᠭᠰᠢ | ᠤᠳᠠᠭ᠎ᠠ ᠣᠷᠣᠯᠴᠠᠭᠰᠠᠨ ᠦᠭᠡᠢ︔ | ︵ᠭᠤᠷᠪᠠ︶ ᠡᠪᠡᠳᠴᠢᠨ ᠡᠮᠬᠡᠭ ᠵᠡᠷᠬᠡ ᠰᠢᠯᠳᠠᠭᠠᠨ ᠠᠴᠠ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ | ᠴᠢᠳᠠᠪᠤᠷᠢ ᠪᠠᠨ ᠠᠯᠳᠠᠬᠰᠠᠨ︔ | ︵ᠲᠦᠷᠪᠡ︶ ᠶᠠᠯ᠎ᠠ ᠬᠢᠭᠰᠡᠨ ᠠᠵᠢᠯᠯᠠᠭ᠎ᠠ ᠲᠠᠢ︔ | ︵ᠲᠠᠪᠤ︶ ᠪᠢᠴᠢᠭ ᠤᠨ ᠬᠡᠯᠪᠡᠷᠢ ᠪᠠᠷ ᠦᠮᠴᠢᠳᠡᠳ ᠤᠨ ᠶᠡᠭᠡ ᠬᠤᠷᠠᠯ ᠳᠤ ᠲᠤᠰᠢᠶᠠᠯ ᠠᠴᠠ ᠪᠠᠨ ᠪᠠᠭᠤᠬᠤ | ᠡᠷᠭᠦᠳᠡᠯ ᠭᠠᠷᠭᠠᠬᠰᠠᠨ︔ | ︵ᠵᠢᠷᠭᠤᠭ᠎ᠠ︶ ᠦᠮᠴᠢᠳᠡᠨ ᠤ ᠡᠭᠦᠷᠭᠡ ᠪᠠᠨ ᠭᠦᠢᠴᠡᠳᠭᠡᠬᠦ ᠶᠢ ᠳᠡᠪᠴᠢᠭᠰᠡᠨ︔ | ︵ᠳᠤᠯᠤᠭ᠎ᠠ︶ ᠪᠤᠰᠤᠳ ᠰᠢᠯᠳᠠᠭᠠᠨ ᠠᠴᠠ ᠪᠤᠯᠵᠤ ᠦᠮᠴᠢᠳᠡᠳ ᠤᠨ ᠵᠦᠪᠯᠠᠯ ᠤᠨ ᠬᠡᠰᠢᠬᠦᠨ ᠪᠤᠯᠬᠤ ᠳᠤ | ᠲᠦᠭᠦᠮ ᠦᠭᠡᠢ ᠪᠤᠯᠤᠬᠰᠠᠨ᠃ | ᠬᠤᠷᠢᠨ ᠬᠤᠶᠠᠳᠤᠭᠠᠷ ᠵᠦᠢᠯ ᠠᠳᠠᠯ ᠠᠬᠤᠢ ᠶᠢᠨ ᠬᠠᠮᠢᠶᠠᠶᠤᠯᠳᠠ ᠶᠢᠨ ᠤᠷᠤᠨ ᠦᠭᠡᠷᠡᠴᠢᠯᠡᠭᠳᠡᠬᠦ ᠵᠡᠷᠭᠡ | ᠰᠢᠯᠳᠠᠭᠠᠨ ᠠᠴᠠ ᠪᠤᠯᠵᠤ ᠦᠮᠴᠢᠳᠡᠳ ᠤᠨ ᠶᠡᠭᠡ ᠬᠤᠷᠠᠯ ᠳᠠᠷᠬᠠᠬᠤ ᠪᠤᠯᠤᠬᠰᠠᠨ ᠪᠤᠯ ᠳᠠᠷᠬᠠᠬᠤ ᠠᠴᠠ ᠡᠮᠦᠨ᠎ᠠ᠂ | ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠨᠢ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠰᠤᠮᠤ ᠰᠢᠶᠠᠩ ᠪᠠᠯᠭᠠᠰᠤᠨ ᠤ ᠠᠷᠠᠳ ᠤᠨ | ᠵᠠᠰᠠᠬ ᠤᠨ ᠤᠷᠳᠤᠨ ᠤ ᠵᠢᠯᠤᠭᠤᠳᠤᠯᠭ᠎ᠠ ᠪᠠ ᠬᠢᠨᠠᠯᠳᠠ ᠳᠤᠤᠷ᠎ᠠ᠂ ᠦᠮᠴᠢᠳᠡᠳ ᠤᠨ ᠬᠠᠮᠳᠤ ᠶᠢᠨ ᠡᠳ᠋ ᠬᠦᠷᠦᠩᠭᠡ | ᠪᠠᠨ ᠢᠯᠭᠠᠷᠠᠭᠤᠯᠤᠨ ᠪᠤᠳᠤᠬᠤ ᠪᠠ ᠳᠠᠩᠰᠠ ᠮᠠᠲ᠋ᠧᠷᠢᠶᠠᠯ ᠢᠶᠠᠨ ᠰᠢᠯᠵᠢᠬᠦᠯᠦᠨ ᠳᠤᠰᠢᠶᠠᠬᠤ ᠠᠵᠢᠯ ᠢᠶᠠᠨ ᠰᠠᠶᠢᠳᠤᠷ | ᠬᠢᠬᠦ ᠭᠡᠷᠡᠭᠲᠡᠢ᠃ | ᠬᠤᠷᠢᠨ ᠭᠤᠷᠪᠠᠳᠤᠭᠠᠷ ᠵᠦᠢᠯ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠡᠯ ᠨᠢ ᠳᠤᠳᠤᠭᠠᠳᠤ | ᠶᠢ ᠬᠠᠮᠠᠭᠠᠯᠠᠬᠤ ᠪᠠᠶᠢᠭᠤᠯᠤᠯᠭ᠎ᠠ ᠲᠠᠢ ᠬᠠᠮᠵᠢᠯᠴᠠᠵᠤ᠂ ᠰᠠᠭᠤᠭᠠᠯᠢ ᠠᠷᠠᠳ ᠤᠨ ᠵᠦᠪᠯᠡᠯ ᠲᠠᠢ ᠬᠠᠮᠳᠣᠷᠠᠨ᠂ ᠠᠳᠠᠯ | ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠬᠠᠮᠢᠶ᠎ᠠ | ᠪᠦᠬᠦᠢ ᠠᠵᠢᠯ ᠢ ᠬᠠᠮᠲᠤᠪᠠᠷ ᠰᠠᠶᠢᠳᠤᠷ ᠬᠢᠬᠦ ᠬᠡᠷᠡᠭᠲᠡᠢ᠃ | ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ | ᠵᠦᠪᠯᠡᠯ ᠬᠤᠯᠪᠤᠬᠳᠠᠯ ᠪᠦᠬᠦᠢ ᠰᠠᠭᠤᠭᠠᠯᠢ ᠠᠷᠠᠳ ᠤᠨ ᠵᠦᠪᠯᠡᠯ ᠲᠠᠢ ᠬᠠᠮᠵᠢᠯᠴᠠᠨ᠂ ᠬᠠᠤᠯᠢ ᠶᠤᠰᠤᠭᠠᠷ ᠦᠪᠡᠷᠳᠡᠭᠡᠨ | ᠵᠠᠰᠠᠬᠤ ᠬᠠᠮᠢᠶᠠᠷᠤᠯᠳᠠ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠰᠠᠭᠤᠭᠠᠯᠢ ᠠᠷᠠᠳ ᠤᠨ ᠵᠦᠪᠯᠡᠯ ᠤᠨ | ᠠᠵᠢᠯ ᠢᠶᠠᠨ ᠦᠷᠨᠢᠭᠦᠯᠬᠦ ᠶᠢ ᠳᠡᠮᠵᠢᠬᠦ ᠶᠢᠨ ᠬᠠᠮᠲᠤ ᠳᠡᠳᠡᠨ ᠤ ᠵᠢᠯᠤᠭᠤᠳᠤᠯᠭ᠎ᠠ ᠪᠠ ᠬᠢᠨᠠᠯᠳᠠ ᠶᠢ ᠬᠦᠯᠢᠶᠡᠬᠦ | ᠬᠡᠷᠡᠭᠲᠡᠢ᠃ | ᠤᠷᠤᠨ ᠰᠠᠭᠤᠴᠠ ᠶᠢᠨ ᠳᠤᠭᠤᠷᠢᠭ ᠤᠨ ᠦᠮᠴᠢᠳᠡᠳ ᠤᠨ ᠶᠡᠭᠡ ᠬᠤᠷᠠᠯ᠂ ᠦᠮᠴᠢᠳᠡᠳ ᠤᠨ ᠵᠦᠪᠯᠠᠯ ᠤᠨ | ᠭᠠᠷᠭᠠᠬᠰᠠᠨ ᠳᠤᠬᠳᠠᠭᠠᠯ ᠢᠶᠠᠨ ᠬᠤᠯᠪᠤᠬᠳᠠᠯ ᠪᠦᠬᠦᠢ ᠰᠠᠭᠤᠭᠠᠯᠢ ᠠᠷᠠᠳ ᠤᠨ ᠵᠦᠪᠯᠠᠯ ᠳᠤ ᠮᠡᠳᠡᠭᠳᠡᠬᠦ ᠶᠢᠨ ᠬᠠᠮᠳᠦ | ᠰᠠᠭᠤᠭᠠᠯᠢ ᠠᠷᠠᠳ ᠤᠨ ᠵᠦᠪᠯᠠᠯ ᠤᠨ ᠰᠠᠨᠠᠭᠤᠯᠭ᠎ᠠ ᠶᠢ ᠰᠤᠨᠤᠰᠬᠤ ᠬᠡᠷᠡᠭᠲᠡᠢ᠃ | ᠬᠤᠷᠢᠨ ᠲᠦᠷᠪᠡᠳᠦᠭᠡᠷ ᠵᠦᠢᠯ ᠦᠮᠴᠢᠳᠡᠳ ᠤᠨ ᠶᠡᠭᠡ ᠬᠤᠷᠠᠯ ᠪᠠ ᠦᠮᠴᠢᠳᠡᠳ ᠤᠨ ᠵᠦᠪᠯᠡᠯ ᠤᠨ ᠠᠵᠢᠯ | ᠦᠷᠨᠢᠬᠦᠯᠬᠦ ᠵᠠᠷᠤᠳᠠᠯ ᠢ ᠪᠦᠬᠦ ᠦᠮᠴᠢᠳᠡᠳ ᠡᠭᠦᠷᠭᠡᠯᠡᠨ᠎ᠡ᠂ ᠵᠠᠷᠤᠳᠠᠯ ᠮᠦᠡᠭᠬᠦᠨ ᠤ ᠬᠤᠷᠠᠮᠳᠤᠭᠤᠯᠭ᠎ᠠ᠂ | ᠬᠠᠮᠢᠶᠠᠷᠤᠯᠳᠠ᠂ ᠭᠡᠷᠡᠭᠯᠡᠭᠡ ᠶᠢ ᠦᠮᠴᠢᠳᠡᠳ ᠤᠨ ᠶᠡᠭᠡ ᠬᠤᠷᠠᠯ ᠤᠨ ᠬᠡᠷᠡᠭ ᠵᠦᠪᠯᠡᠬᠦ ᠲᠦᠷᠢᠮ ᠳᠤ ᠳᠤᠬᠳᠠᠭᠠᠬᠤ | ᠬᠡᠷᠡᠭᠲᠡᠢ᠃ | ᠦᠮᠴᠢᠳᠡᠳ ᠤᠨ ᠶᠡᠭᠡ ᠬᠤᠷᠠᠯ ᠪᠠ ᠦᠮᠴᠢᠳᠡᠳ ᠤᠨ ᠵᠦᠪᠯᠡᠯ ᠤᠨ ᠠᠵᠢᠯ ᠤᠨ ᠵᠠᠷᠤᠳᠠᠯ ᠤᠨ ᠬᠡᠷᠡᠭᠯᠡᠭᠡ ᠶᠢᠨ | ᠪᠠᠶᠢᠳᠠᠯ ᠢᠶᠠᠨ ᠳᠤᠬᠳᠠᠬᠰᠠᠨ ᠬᠤᠭᠤᠴᠠᠭᠠᠨ ᠳᠤ ᠪᠢᠴᠢᠭ ᠤᠨ ᠬᠡᠯᠪᠡᠷᠢ ᠪᠠᠷ ᠠᠳᠠᠯ ᠠᠬᠤᠢ ᠶᠢᠨ ᠬᠠᠮᠢᠶᠠᠷᠤᠯᠳᠠ ᠶᠢᠨ | ᠤᠷᠤᠨ ᠳᠤ ᠨᠡᠶᠢᠳᠡᠯᠡᠵᠤ᠂ ᠦᠮᠴᠢᠳᠡᠳ ᠤᠨ ᠬᠢᠨᠠᠯᠳᠠ ᠶᠢ ᠬᠦᠯᠢᠶᠡᠬᠦ ᠭᠡᠷᠡᠭᠲᠡᠢ᠃ | ᠬᠤᠷᠢᠨ ᠲᠠᠪᠤᠳᠤᠭᠠᠷ ᠵᠦᠢᠯ ᠦᠮᠴᠢᠳᠡᠳ ᠤᠨ ᠵᠦᠪᠯᠡᠯ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠬ ᠤᠨ ᠤᠷᠳᠤᠨ ᠤ ᠭᠡᠷ ᠭᠠᠵᠠᠷ ᠤᠨ ᠭᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠳᠠᠩᠰᠠᠯᠠᠭᠤᠯᠤᠬᠰᠠᠨ ᠭᠡᠷᠡᠴᠢ ᠪᠠᠷ ᠢᠶᠠᠨ᠂ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ | ᠳᠤᠬᠳᠠᠭᠠᠯ ᠤᠨ ᠳᠤᠬᠳᠠᠭᠠᠯ ᠶᠤᠰᠤᠭᠠᠷ ᠲᠠᠮᠠᠭ᠎ᠠ ᠰᠡᠶᠢᠯᠤᠬᠦᠯᠵᠤ ᠪᠤᠯᠤᠨ᠎ᠠ᠃ ᠬᠤᠷᠢᠨ ᠵᠢᠷᠭᠤᠳᠤᠭᠠᠷ ᠵᠦᠢᠯ ᠠᠳᠠᠯ | ᠠᠬᠤᠢ ᠪᠠᠨ ᠪᠤᠰᠤᠳ ᠲᠤ ᠰᠢᠯᠵᠢᠬᠦᠯᠦᠨ ᠦᠭᠭᠦᠭᠰᠡᠨ ᠤ ᠲᠠᠷᠠᠭ᠎ᠠ᠂ ᠤᠤᠯ ᠤᠨ ᠦᠮᠴᠢᠳᠡᠨ ᠰᠢᠯᠵᠢᠬᠦᠯᠦᠨ ᠦᠭᠬᠦ | ᠭᠠᠷᠳᠠᠮ ᠢᠶᠠᠨ ᠭᠦᠢᠴᠡᠳᠭᠡᠭᠰᠡᠨ ᠠᠴᠠ 30 ᠡᠳᠦᠷ ᠤᠨ ᠲᠤᠳᠤᠷ᠎ᠠ ᠦᠮᠴᠢᠳᠡᠨ ᠤ ᠵᠦᠪᠯᠡᠯ ᠪᠠ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢ ᠳᠤ ᠮᠡᠳᠡᠭᠳᠡᠬᠦ ᠬᠡᠷᠡᠭᠲᠡᠢ᠃ | ᠭᠤᠷᠪᠠᠳᠤᠭᠠᠷ ᠪᠦᠯᠦᠭ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠳᠠ | ᠬᠤᠷᠢᠨ ᠳᠤᠯᠤᠳᠤᠭᠠᠷ ᠵᠦᠢᠯ ᠦᠮᠴᠢᠳᠡᠨ᠂ ᠦᠮᠴᠢᠳᠡᠳ ᠤᠨ ᠶᠡᠭᠡ ᠬᠤᠷᠠᠯ ᠨᠢ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠯᠠᠯ ᠢ ᠰᠤᠩᠭᠤᠨ ᠤᠷᠢᠬᠤ ᠠᠴᠠ ᠡᠮᠦᠨ᠎ᠠ᠂ ᠪᠦᠲᠦᠭᠡᠨ ᠪᠠᠶᠢᠭᠤᠯᠤᠭᠰᠠᠨ ᠨᠢᠭᠡᠴᠠ | ᠠᠴᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠰᠤᠩᠭᠤᠨ ᠤᠷᠢᠬᠰᠠᠨ ᠪᠤᠯ ᠤᠯᠤᠰ ᠪᠤᠶᠤ | ᠦᠪᠡᠷᠳᠡᠭᠡᠨ ᠵᠠᠰᠠᠬᠤ ᠤᠷᠤᠨ ᠤ ᠳᠤᠬᠳᠠᠭᠠᠬᠰᠠᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠡ ᠶᠢᠨ ᠦᠯᠢᠭᠡᠷ ᠳᠡᠪᠲᠡᠷ ᠢ ᠦᠨᠳᠦᠰᠦᠯᠡᠨ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ | ᠭᠡᠷ᠎ᠠ ᠲᠤᠬᠳᠠᠬᠤ ᠭᠡᠷᠡᠭᠲᠡᠢ᠃ | ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠠᠳᠠᠯ ᠠᠬᠤᠢ ᠶᠢᠨ ᠦᠨᠳᠤᠰᠤᠨ | ᠪᠠᠶᠢᠳᠠᠯ᠂ ᠬᠤᠶᠠᠷ ᠡᠳᠡᠭᠡᠳ ᠤᠨ ᠡᠷᠬᠡ ᠡᠭᠦᠷᠭᠡ᠂ ᠦᠢᠯᠡᠴᠢᠯᠡᠭᠡᠨ ᠤ ᠠᠭᠤᠯᠭ᠎ᠠ᠂ ᠦᠢᠯᠡᠴᠢᠯᠡᠭᠡᠨ ᠤ ᠪᠠᠷᠢᠮᠵᠢᠶ᠎ᠠ᠂ | ᠦᠢᠯᠡᠴᠢᠯᠡᠭᠡᠨ ᠤ ᠰᠦᠢᠳᠭᠡᠯ ᠪᠠ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠶᠢ ᠪᠠᠭᠳᠠᠭᠠᠬᠤ ᠬᠡᠷᠡᠭᠲᠡᠢ᠃ | ᠬᠤᠷᠢᠨ ᠨᠠᠢᠮᠠᠳᠤᠭᠠᠷ ᠵᠦᠢᠯ ᠦᠪᠡᠷᠳᠡᠭᠡᠨ ᠵᠠᠰᠠᠠᠬᠤ ᠤᠷᠤᠨ ᠠᠴᠠ ᠪᠦᠳᠦᠭᠡᠨ ᠪᠠᠶᠢᠭᠤᠯᠤᠭᠰᠠᠨ ᠨᠢᠭᠡᠴᠠ ᠳᠤ | ᠭᠡᠷ ᠭᠠᠵᠠᠷ ᠤᠨ ᠬᠦᠷᠦᠩᠭᠡ ᠶᠢ ᠨᠡᠭᠡᠭᠡᠨ ᠬᠦᠭᠵᠢᠭᠦᠯᠬᠦ ᠬᠢᠭᠡᠳ ᠠᠳᠠᠯ ᠠᠬᠤᠢ ᠶᠢᠨ ᠬᠠᠮᠢᠶᠠᠷᠤᠯᠳᠠ ᠶᠢ ᠰᠠᠯᠭᠠᠬᠤ | ᠵᠠᠷᠴᠢᠮ ᠶᠤᠰᠤᠭᠠᠷ ᠲᠠᠭᠠᠭᠠᠴᠢᠯᠠᠯᠳᠠ ᠵᠠᠷᠯᠠᠵᠤ ᠲᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠭᠡᠮ | ᠲᠠᠢ ᠠᠳᠠᠯ ᠠᠬᠤᠢ ᠶᠢᠨ ᠬᠠᠮᠢᠶᠠᠷᠤᠯᠳᠠ ᠶᠢᠨ ᠠᠵᠤ ᠠᠬᠤᠢᠢᠯᠠᠯ ᠢ ᠰᠤᠩᠭᠤᠨ ᠤᠷᠢᠬᠤ ᠶᠢ ᠰᠠᠨᠠᠭᠠᠴᠢᠯᠠᠨ᠎ᠠ᠃ | ᠤᠷᠤᠨ ᠰᠠᠭᠤᠴᠠ ᠶᠢᠨ ᠠᠳᠠᠯ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠨᠢᠭᠡᠴᠠ᠂ ᠡᠷᠬᠡᠪᠰᠢ | ᠳᠠᠭᠠᠭᠠᠴᠢᠯᠠᠯᠳᠠ ᠵᠠᠷᠯᠠᠵᠤ ᠳᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠬᠡᠮ ᠲᠠᠢ ᠠᠳᠠᠯ ᠠᠬᠤᠢ | ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠤ ᠭᠡᠷᠡᠭᠲᠡᠢ᠃ ᠳᠠᠭᠠᠭᠠᠴᠢᠯᠠᠯᠳᠠ ᠬᠦᠯᠢᠶᠡᠬᠦ ᠬᠦᠮᠦᠨ | ᠨᠢ 3 ᠠᠴᠠ ᠴᠦᠬᠡᠨ ᠪᠤᠶᠤ ᠤᠷᠤᠨ ᠰᠠᠭᠤᠴᠠ ᠶᠢᠨ ᠬᠡᠪᠴᠢᠶ᠎ᠡ ᠨᠢ 2 ᠲᠦᠮᠡᠨ ᠲᠡᠭᠰᠢ ᠲᠦᠷᠪᠡᠯᠵᠢᠨ ᠮᠧᠲᠷ ᠠᠴᠠ | ᠪᠠᠭ᠎ᠠ ᠪᠠᠶᠢᠪᠠᠯ᠂ ᠠᠳᠠᠯ ᠠᠬᠤᠢ ᠶᠢᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠳᠤᠨ ᠤ ᠠᠷᠠᠳ ᠤᠨ ᠵᠠᠰᠠᠬ ᠤᠨ | ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢᠶᠠᠷ | ᠵᠦᠪᠰᠢᠶᠡᠷᠡᠬᠦᠯᠦᠭᠰᠡᠨ ᠤ ᠲᠠᠷᠠᠭ᠎ᠠ᠂ ᠬᠡᠯᠡᠯᠴᠡᠭᠡᠷ ᠤᠨ ᠬᠡᠯᠪᠡᠷᠢ ᠪᠠᠷ ᠵᠤᠬᠢᠴᠠᠩᠭᠤᠢ ᠬᠢᠷᠢ ᠭᠡᠮ ᠲᠠᠢ ᠠᠳᠠᠯ ᠠᠬᠤᠢ | ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠵᠤ ᠪᠤᠯᠤᠨ᠎ᠠ᠃ | ᠬᠤᠷᠢ ᠶᠢᠰᠦᠳᠦᠭᠡᠷ ᠵᠦᠢᠯ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠬᠠᠮᠢᠶᠠᠷᠤᠯᠳᠠ ᠶᠢᠨ | ᠳᠠᠭᠠᠭᠠᠴᠢᠯᠠᠯᠳᠠ ᠵᠠᠷᠯᠠᠬᠤ ᠶᠢ ᠢᠯᠡ ᠳᠠᠭᠠᠭᠠᠴᠢᠯᠠᠯᠳᠠ ᠵᠠᠷᠯᠠᠬᠤ ᠪᠠ ᠤᠷᠢᠵᠤ ᠳᠠᠭᠠᠭᠠᠴᠢᠯᠠᠯᠳᠠ ᠵᠠᠷᠯᠠᠬᠤ ᠭᠡᠵᠦ | ᠬᠤᠪᠢᠶᠠᠨ᠎ᠠ᠃ | ᠳᠠᠭᠠᠭᠠᠴᠢᠯᠠᠯᠳᠠ ᠵᠠᠷᠯᠠᠬᠤ ᠬᠦᠮᠦᠨ ᠢᠯᠡ ᠳᠠᠭᠠᠭᠠᠴᠢᠯᠠᠯᠳᠠ ᠵᠠᠷᠯᠠᠬᠤ ᠬᠡᠯᠪᠡᠷᠢ ᠶᠢ ᠬᠡᠷᠡᠭᠯᠡᠬᠦ ᠳᠡᠭᠡᠨ ᠤᠯᠠᠨ | ᠨᠡᠶᠢᠳᠡ ᠶᠢᠨ ᠵᠠᠭᠤᠴᠢᠯᠠᠭᠤᠷ ᠵᠢᠴᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠳᠤᠬᠳᠠᠭᠠᠬᠰᠠᠨ ᠰᠦᠯᠵᠢᠶᠡᠨ ᠤ | ᠦᠷᠳᠡᠭᠡᠨ ᠳᠤ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠨᠡᠶᠢᠳᠡᠯᠡᠬᠦ ᠭᠡᠷᠡᠭᠲᠡᠢ᠃ | ᠳᠠᠭᠠᠭᠠᠴᠢᠯᠠᠯᠳᠠ ᠵᠠᠷᠯᠠᠬᠤ ᠠᠯᠪᠠᠨ ᠵᠠᠷ ᠲᠤ ᠳᠠᠭᠠᠭᠠᠴᠢᠯᠠᠯᠳᠠ ᠵᠠᠷᠯᠠᠬᠤ ᠬᠦᠮᠦᠨ ᠤ ᠨᠡᠷᠡᠶᠢᠳᠦᠯ ᠪᠠ ᠬᠠᠶ᠋ᠢᠬ᠂ | ᠳᠠᠭᠠᠭᠠᠴᠢᠯᠠᠯᠳᠠ ᠵᠠᠷᠯᠠᠬᠤ ᠲᠦᠷᠦᠯ ᠵᠦᠢᠯ ᠤᠨ ᠦᠨᠳᠦᠰᠦᠨ ᠪᠠᠶᠢᠳᠠᠯ ᠵᠢᠴᠢ ᠳᠠᠭᠠᠭᠠᠴᠢᠯᠠᠯᠳᠠ ᠵᠠᠷᠯᠠᠬᠤ ᠪᠢᠴᠢᠭ | ᠮᠠᠲ᠋ᠧᠷᠢᠶᠠᠯ ᠢ ᠤᠯᠤᠬᠰᠠᠨ ᠠᠷᠭ᠎ᠠ ᠵᠡᠷᠭᠡ ᠵᠦᠢᠯᠡᠰ ᠢ ᠳᠤᠳᠤᠷᠬᠠᠢᠢᠯᠠᠬᠤ ᠬᠡᠷᠡᠭᠲᠡᠢ᠃ | ᠳᠠᠭᠠᠭᠠᠴᠢᠯᠠᠯᠳᠠ ᠵᠠᠷᠯᠠᠬᠴᠢ ᠤᠷᠢᠬᠤ ᠳᠠᠭᠠᠭᠠᠴᠢᠯᠠᠯᠳᠠ ᠵᠠᠷᠯᠠᠬᠤ ᠬᠡᠯᠪᠡᠷᠢ ᠶᠢ ᠬᠡᠷᠡᠭᠯᠡᠬᠦ ᠳᠡᠭᠡᠨ 3 ᠠᠴᠠ | ᠳᠡᠭᠡᠭᠰᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ | ᠪᠢᠴᠢᠭ ᠶᠠᠪᠤᠭᠤᠯᠵᠤ᠂ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ ᠲᠤ ᠳᠤᠰ ᠵᠦᠢᠯ ᠤᠨ ᠭᠤᠷᠪᠠᠳᠤᠭᠠᠷ | ᠪᠠᠳᠠᠭ ᠲᠤ ᠳᠤᠬᠳᠠᠭᠠᠬᠰᠠᠨ ᠵᠦᠢᠯᠡᠰ ᠢ ᠪᠠᠭᠳᠠᠭᠠᠬᠤ ᠬᠡᠷᠡᠭᠲᠡᠢ᠃ | ᠭᠤᠴᠢᠳᠤᠭᠠᠷ ᠵᠦᠢᠯ ᠳᠠᠭᠠᠭᠠᠴᠢᠯᠠᠯᠳᠠ ᠵᠠᠷᠯᠠᠬᠴᠢ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠨᠡᠶᠢᠳᠡᠯᠡᠬᠦ ᠪᠤᠶᠤ | ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ ᠪᠢᠴᠢᠭ ᠶᠠᠪᠤᠭᠤᠯᠬᠤ ᠠᠴᠠ ᠪᠠᠨ 10 ᠡᠳᠦᠷ ᠤᠨ ᠡᠮᠦᠨ᠎ᠠ᠂ ᠳᠤᠤᠷᠠᠬᠢ | ᠮᠠᠲ᠋ᠧᠷᠢᠶᠠᠯ ᠢ ᠠᠳᠠᠯ ᠠᠬᠤᠢ ᠶᠢᠨ ᠲᠦᠷᠦᠯ ᠵᠦᠢᠯ ᠪᠠᠶᠢᠭ᠎ᠠ ᠬᠤᠰᠢᠭᠤ ᠰᠢᠶᠠᠨ ᠤ ᠱᠠᠳᠤᠨ ᠤ ᠠᠷᠠᠳ ᠤᠨ | ᠵᠠᠰᠠᠬ ᠤᠨ ᠤᠷᠳᠤᠨ ᠤ ᠬᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠲᠤ ᠳᠡᠪᠰᠢᠭᠦᠯᠦᠨ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠄ | ︵ᠨᠢᠭᠡ︶ ᠠᠳᠠᠯ ᠠᠬᠤᠢ ᠶᠢᠨ ᠬᠠᠮᠢᠶᠠᠷᠤᠯᠳᠠ ᠲᠠᠢ ᠬᠤᠯᠪᠤᠬᠳᠠᠯ ᠪᠦᠬᠦᠢ ᠠᠳᠠᠯ ᠠᠬᠤᠢ ᠶᠢᠨ ᠲᠦᠷᠦᠯ | ᠵᠦᠢᠯ ᠢ ᠨᠡᠭᠡᠭᠡᠨ ᠪᠦᠳᠦᠭᠡᠨ ᠪᠠᠶᠢᠭᠤᠯᠬᠤ ᠳᠤᠬᠠᠢ ᠵᠠᠰᠠᠬ ᠤᠨ ᠤᠷᠳᠤᠨ ᠤ ᠵᠦᠪᠰᠢᠶᠡᠷᠡᠯ ᠤᠨ ᠪᠢᠴᠢᠭ︔ | ︵ᠬᠤᠶᠠᠷ︶ ᠳᠠᠭᠠᠭᠠᠴᠢᠯᠠᠯᠳᠠ ᠵᠠᠷᠯᠠᠬᠤ ᠠᠯᠪᠠᠨ ᠵᠠᠷ ᠪᠤᠶᠤ ᠳᠠᠭᠠᠭᠠᠴᠢᠯᠠᠯᠳᠠ ᠬᠦᠯᠢᠶᠡᠬᠦ ᠤᠷᠢᠯᠭ᠎ᠠ ᠶᠢᠨ | ᠪᠢᠴᠢᠭ︔ | ︵ᠭᠤᠷᠪᠠ︶ ᠳᠠᠭᠠᠭᠠᠴᠢᠯᠠᠯᠳᠠ ᠵᠠᠷᠯᠠᠬᠤ ᠪᠢᠴᠢᠭ ᠮᠠᠲ᠋ᠧᠷᠢᠶᠠᠯ︔ | ︵ᠲᠦᠷᠪᠡ︶ ᠬᠠᠤᠯᠢ ᠴᠠᠭᠠᠵᠠ᠂ ᠬᠠᠤᠯᠢ ᠳᠤᠬᠳᠠᠭᠠᠯ ᠳᠤ ᠲᠤᠭᠳᠠᠭᠠᠭᠰᠠᠠ ᠪᠤᠰᠤᠳ ᠮᠠᠲ᠋ᠧᠷᠢᠶᠠᠯ᠃ | ᠭᠤᠴᠢᠨ ᠨᠢᠭᠡᠳᠦᠭᠡᠷ ᠵᠦᠢᠯ ᠳᠠᠭᠠᠭᠠᠴᠢᠯᠠᠯᠳᠠ ᠵᠠᠷᠯᠠᠵᠥ ᠳᠠᠭᠠᠭᠠᠴᠢᠯᠠᠯᠳᠠ ᠬᠦᠯᠢᠶᠡᠬᠦ ᠬᠡᠯᠪᠡᠷᠢ ᠪᠠᠷ ᠠᠳᠠᠯ | ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠤ ᠳᠠᠭᠠᠨ᠂ ᠳᠠᠭᠠᠭᠠᠴᠢᠯᠠᠯᠳᠠ ᠵᠠᠷᠯᠠᠬᠴᠢ | ᠳᠤᠤᠷᠠᠬᠢ ᠳᠤᠬᠳᠠᠬᠰᠠᠨ ᠬᠤᠭᠤᠴᠠᠭᠠᠨ ᠳᠤ ᠠᠳᠠᠯ ᠠᠬᠤᠢ ᠶᠢᠨ ᠬᠠᠮᠢᠶᠠᠷᠤᠯᠳᠠ ᠶᠢᠨ ᠳᠠᠭᠠᠭᠠᠴᠢᠯᠠᠯᠳᠠ ᠵᠠᠷᠯᠠᠵᠤ | ᠳᠠᠭᠠᠭᠠᠴᠢᠯᠠᠯᠳᠠ ᠬᠦᠯᠢᠶᠡᠬᠦ ᠠᠵᠢᠯ ᠢᠶᠠᠨ ᠳᠠᠭᠤᠰᠬᠠᠬᠤ ᠬᠡᠷᠡᠭᠲᠡᠢ᠄ | ︵ᠨᠢᠬᠡ︶ ᠰᠢᠨ᠎ᠡ ᠪᠠᠷᠢᠬᠰᠠᠨ ᠪᠡᠯᠡᠨ ᠢᠶᠠᠷ ᠬᠤᠳᠠᠯᠳᠤᠬᠤ ᠲᠠᠸᠠᠷ ᠤᠨ ᠪᠠᠶᠢᠰᠢᠩ ᠤᠨ ᠲᠦᠷᠦᠯ ᠵᠦᠢᠯ ᠪᠤᠯ | ᠪᠡᠯᠡᠨ ᠢᠶᠠᠷ ᠬᠤᠳᠠᠯᠳᠤᠬᠤ ᠠᠴᠠ ᠪᠠᠨ 30 ᠡᠳᠤᠷ ᠤᠨ ᠡᠮᠦᠨ᠎ᠠ ᠳᠠᠭᠤᠰᠬᠠᠬᠤ ᠬᠡᠷᠡᠭᠲᠡᠢ︔ | ︵ᠬᠤᠶᠠᠷ︶ ᠤᠷᠢᠳᠴᠢᠯᠠᠨ ᠬᠤᠳᠠᠯᠳᠤᠬᠤ ᠲᠠᠸᠠᠷ ᠤᠨ ᠪᠠᠶᠢᠰᠢᠩ ᠤᠨ ᠲᠦᠷᠦᠯ ᠵᠦᠢᠯ ᠪᠤᠯ ︽ᠲᠠᠸᠠᠷ ᠤᠨ | ᠪᠠᠶᠢᠰᠢᠩ ᠢ ᠤᠷᠢᠳᠴᠢᠯᠠᠨ ᠬᠤᠳᠠᠯᠳᠤᠬᠤ ᠵᠦᠪᠰᠢᠶᠡᠷᠡᠯ ᠤᠨ ᠦᠨᠠᠮᠯᠠᠯ︾ ᠤᠯᠬᠤ ᠠᠴᠠ ᠪᠠᠨ ᠡᠮᠦᠨ᠎ᠠ ᠳᠠᠭᠤᠰᠬᠠᠬᠤ | ᠬᠡᠷᠡᠭᠲᠡᠢ︔ | ︵ᠭᠤᠷᠪᠠ︶ ᠬᠤᠳᠠᠯᠳᠤᠬᠤ ᠦᠭᠡᠢ ᠰᠢᠨ᠎ᠠ ᠪᠠᠷᠢᠬᠰᠠᠨ ᠠᠳᠠᠯ ᠠᠬᠤᠢ ᠶᠢᠨ ᠲᠦᠷᠦᠯ ᠵᠦᠢᠯ ᠪᠤᠯ ᠲᠤᠰᠢᠶᠠᠨ | ᠬᠡᠷᠡᠭᠯᠠᠬᠦᠯᠬᠦ ᠠᠴᠠ ᠪᠠᠨ ᠡᠮᠦᠨ᠎ᠠ 90 ᠡᠳᠦᠷ ᠤᠨ ᠳᠤᠲᠤᠷ᠎ᠠ ᠳᠠᠭᠤᠰᠬᠠᠬᠤ ᠬᠡᠷᠡᠭᠲᠡᠢ᠃ | ᠭᠤᠴᠢᠨ ᠬᠤᠶᠠᠳᠤᠭᠠᠷ ᠵᠦᠢᠯ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ | ᠬᠤᠭᠤᠴᠠᠭ᠎ᠠ ᠬᠢᠵᠠᠭᠠᠷ ᠢ ᠬᠡᠯᠡᠯᠴᠡᠨ ᠳᠤᠬᠳᠠᠵᠤ ᠪᠤᠯᠤᠨ᠎ᠠ᠃ ᠬᠤᠭᠤᠴᠠᠭ᠎ᠠ ᠨᠢ ᠭᠦᠢᠴᠡᠭᠡ ᠦᠭᠡᠢ᠂ | ᠦᠮᠴᠢᠳᠡᠳ ᠤᠨ ᠵᠦᠪᠯᠡᠯ ᠪᠤᠯᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠳᠤᠬᠳᠠᠭᠠᠬᠰᠠᠨ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠬᠦᠴᠦᠨ ᠲᠠᠢ ᠪᠤᠯᠤᠬᠰᠠᠨ ᠪᠤᠯ᠂ ᠡᠮᠦᠨᠡᠬᠢ ᠬᠤᠭᠤᠴᠠᠭᠠᠨ ᠤ ᠠᠳᠠᠯ | ᠠᠬᠤᠢ ᠶᠢᠨ ᠦᠢᠯᠡᠴᠢᠯᠡᠭᠡᠨ ᠤ ᠭᠡᠷ᠎ᠡ ᠶᠢ ᠵᠤᠬᠰᠤᠭᠠᠨ᠎ᠠ᠃ ᠬᠤᠭᠤᠴᠠᠭ᠎ᠠ ᠨᠢ ᠬᠦᠢᠴᠡᠭᠡᠳ᠂ ᠦᠮᠴᠢᠳᠡᠳ ᠤᠨ ᠶᠡᠭᠡ | ᠬᠤᠷᠠᠯ ᠪᠠᠶᠢᠭᠤᠯᠤᠬᠳᠠᠭᠠ ᠦᠭᠡᠢ᠂ ᠤᠤᠯ ᠤᠨ ᠬᠡᠯᠠᠯᠴᠡᠭᠡᠷ ᠳᠤᠬᠳᠠᠬᠰᠠᠨ ᠬᠤᠶᠠᠷ ᠡᠳᠡᠭᠡᠳ ᠤᠨ ᠨᠢᠬᠡ ᠳᠠᠯ᠎ᠠ ᠨᠢ | ᠬᠡᠯᠡᠯᠴᠡᠭᠡᠷ ᠢᠶᠠᠨ ᠦᠷᠭᠦᠯᠵᠢᠯᠡᠭᠦᠯᠬᠦ ᠳᠤᠷ᠎ᠠ ᠦᠭᠡᠢ ᠪᠤᠶᠤ ᠨᠢᠭᠡᠨᠳᠡ ᠰᠠᠭᠤᠬᠰᠠᠨ ᠦᠮᠴᠢᠳᠡᠳ ᠤᠨ 50% ᠠᠴᠠ | ᠳᠡᠭᠡᠭᠰᠢᠬᠢ ᠨᠢ ᠤᠤᠯ ᠤᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠦᠢᠯᠡᠴᠢᠯᠡᠭᠡᠨ ᠳᠤ | ᠬᠠᠨᠤᠮᠵᠢ ᠦᠭᠡᠢ ᠪᠤᠯ᠂ ᠪᠦᠲᠦᠭᠡᠨ ᠪᠠᠶᠢᠭᠤᠯᠤᠭᠰᠠᠨ ᠨᠢᠭᠡᠴᠠ ᠳᠠᠭᠠᠭᠠᠴᠢᠯᠠᠯᠳᠠ ᠵᠠᠷᠯᠠᠵᠤ ᠳᠠᠭᠠᠭᠠᠴᠢᠯᠠᠯᠳᠠ | ᠬᠦᠯᠢᠶᠡᠬᠦ ᠬᠡᠯᠪᠡᠷᠢ ᠪᠠᠷ ᠵᠤᠬᠢᠴᠠᠩᠭᠤᠢ ᠬᠢᠷᠢ ᠭᠡᠮ ᠲᠠᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ | ᠳᠠᠬᠢᠨ ᠰᠢᠨ᠎ᠡ ᠪᠠᠷ ᠰᠤᠩᠭᠤᠨ ᠤᠷᠢᠬᠤ ᠬᠡᠷᠡᠭᠲᠡᠢ᠃ | ᠭᠤᠴᠢᠨ ᠭᠤᠷᠪᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢ | ᠵᠠᠯᠭᠠᠨ ᠠᠪᠬᠤ ᠦᠶᠡᠰ᠂ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠪᠠᠯᠠᠳᠭᠡᠯ ᠲᠦᠭᠦᠭᠡᠷᠦᠮᠵᠢ ᠶᠢ ᠰᠢᠯᠭᠠᠨ | ᠪᠠᠶᠢᠴᠠᠭᠠᠭᠠᠳ ᠬᠢᠷᠢ ᠳᠡᠩᠴᠡᠭᠰᠡᠨ ᠤ ᠳᠠᠷᠠᠭ᠎ᠠ᠂ ᠪᠦᠲᠦᠭᠡᠨ ᠪᠠᠶᠢᠭᠤᠯᠤᠭᠰᠠᠨ ᠨᠢᠭᠡᠴᠠ ᠠᠴᠠ ᠬᠤᠯᠪᠤᠬᠳᠠᠯ ᠪᠦᠬᠦᠢ | ᠪᠢᠴᠢᠭ ᠮᠠᠲ᠋ᠧᠷᠢᠶᠠᠯ ᠢᠶᠠᠨ ᠬᠠᠤᠯᠢ ᠶᠤᠰᠤᠭᠠᠷ ᠠᠳᠠᠯ ᠠᠬᠤᠢ ᠶᠢᠨ ᠦᠢᠯᠠᠴᠢᠯᠡᠭᠡᠨ ᠤ ᠠᠵᠤ ᠠᠬᠤᠢᠢᠯᠠᠯ ᠳᠤ | ᠳᠤᠰᠢᠶᠠᠬᠤ ᠬᠡᠷᠡᠭᠲᠡᠢ᠃ ᠡᠮᠦᠨᠡᠬᠢ ᠬᠤᠭᠤᠴᠠᠭᠠᠨ ᠤ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠪᠠᠨ | ᠵᠤᠬᠰᠤᠭᠠᠬᠤ ᠳᠤ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢ ᠬᠤᠯᠪᠤᠬᠳᠠᠯ ᠪᠦᠬᠦᠢ ᠪᠢᠴᠢᠭ | ᠮᠠᠲ᠋ᠧᠷᠢᠶᠠᠯ ᠢᠶᠠᠨ ᠦᠮᠴᠢᠳᠡᠳ ᠤᠨ ᠵᠦᠪᠯᠡᠯ ᠳᠤ ᠳᠤᠰᠢᠶᠠᠬᠤ ᠭᠡᠷᠡᠭᠲᠡᠢ᠃ | ᠭᠤᠴᠢᠨ ᠲᠦᠷᠪᠡᠳᠦᠭᠡᠷ ᠵᠦᠢᠯ ᠪᠦᠲᠦᠭᠡᠨ ᠪᠠᠶᠢᠭᠤᠯᠤᠭᠰᠠᠨ ᠨᠢᠭᠡᠴᠠ ᠨᠢ ᠲᠦᠯᠦᠪᠵᠢᠬᠦᠯᠭᠡ ᠶᠤᠰᠤᠭᠠᠷ᠂ | ᠨᠡᠭᠡᠭᠡᠨ ᠪᠦᠲᠦᠭᠡᠨ ᠪᠠᠶᠢᠭᠤᠯᠤᠬᠰᠠᠨ ᠬᠡᠪᠴᠢᠶᠡᠨ ᠤ ᠪᠠᠨ 3‰ ᠠᠴᠠ ᠳᠤᠤᠷ᠎ᠠ ᠪᠠᠶᠢᠯᠭᠠᠬᠤ ᠦᠭᠡᠢ ᠪᠠᠷᠢᠮᠵᠢᠶ᠎ᠠ ᠪᠠᠷ | ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠤ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ | ᠳᠤᠬᠢᠷᠠᠭᠤᠯᠬᠤ ᠬᠡᠷᠡᠭᠲᠡᠢ᠃ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠲᠤ ᠦᠮᠴᠢᠳᠡᠳ ᠤᠨ ᠵᠦᠪᠯᠡᠯ | ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠠᠯᠪᠠᠨ ᠳᠤ ᠭᠡᠷᠡᠭᠯᠡᠬᠦ ᠭᠡᠷ ᠪᠠ ᠡᠵᠡᠩᠨᠡᠯᠳᠡ ᠳᠤ | ᠬᠡᠷᠡᠭᠯᠡᠬᠦ ᠭᠡᠷ ᠪᠠᠭᠳᠠᠨ᠎ᠠ᠃ | ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠢ ᠭᠡᠷ ᠭᠠᠵᠠᠷ ᠤᠨ ᠬᠦᠷᠦᠩᠭᠡ ᠶᠢᠨ ᠨᠡᠭᠡᠭᠡᠯᠳᠡ ᠶᠢᠨ | ᠲᠦᠷᠦᠯ ᠵᠦᠢᠯ ᠢ ᠶᠡᠷᠦᠩᠬᠡᠶᠢᠯᠡᠨ ᠰᠢᠯᠭᠠᠨ ᠬᠤᠷᠢᠶᠠᠬᠤ ᠳᠤᠮᠳᠠᠬᠢ ᠠᠳᠠᠯ ᠠᠬᠤᠢ ᠶᠢᠨ ᠬᠠᠮᠢᠶᠠᠷᠤᠯᠳᠠ ᠶᠢ | ᠨᠠᠶᠢᠳᠠᠪᠤᠷᠢᠵᠢᠭᠤᠯᠤᠬᠰᠠᠨ ᠪᠠᠶᠢᠳᠠᠯ ᠤᠨ ᠠᠭᠤᠯᠭ᠎ᠠ ᠪᠤᠯᠭᠠᠬᠤ ᠭᠡᠷᠡᠭᠲᠡᠢ᠃ | ᠲᠦᠷᠪᠡᠲᠦᠭᠡᠷ ᠪᠦᠯᠦᠭ ᠠᠳᠠᠯ ᠠᠬᠤᠢ ᠶᠢᠨ ᠬᠠᠮᠢᠶᠠᠷᠤᠯᠳᠠ ᠶᠢᠨ ᠦᠢᠯᠡᠴᠢᠯᠡᠭᠡ | ᠭᠤᠴᠢᠨ ᠲᠠᠪᠤᠳᠤᠭᠠᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠠᠵᠤ | ᠠᠬᠤᠢᠢᠯᠠᠯ ᠬᠠᠤᠯᠢ ᠶᠤᠰᠤᠭᠠᠷ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠦᠢᠯᠡᠳᠪᠦᠷᠢ ᠬᠤᠳᠠᠯᠳᠤᠭᠠᠨ ᠤ | ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠤᠴᠢᠵᠤ ᠳᠠᠩᠰᠠᠯᠠᠭᠤᠯᠤᠨ ᠪᠦᠷᠢᠳᠭᠡᠬᠦᠯᠬᠦ ᠭᠠᠷᠳᠠᠮ | ᠬᠢᠯᠭᠡᠵᠤ᠂ ᠠᠵᠤ ᠠᠬᠤᠢᠢᠯᠠᠯ ᠤᠨ ᠬᠠᠤᠯᠢ ᠶᠢᠨ ᠡᠷᠬᠡᠳᠡᠨ ᠤ ᠡᠵᠡᠩᠨᠡᠯᠳᠡ ᠶᠢᠨ ᠦᠨᠡᠮᠯᠡᠯ ᠠᠪᠬᠤ ᠭᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠵᠤ ᠠᠬᠤᠢᠢᠯᠠᠯ ᠤᠨ ᠬᠠᠤᠯᠢ ᠶᠢᠨ ᠡᠷᠬᠡᠳᠡᠨ ᠤ | ᠡᠵᠡᠩᠨᠡᠯᠳᠠ ᠶᠢᠨ ᠦᠨᠡᠮᠯᠠᠯ ᠤᠯᠤᠬᠰᠠᠨ ᠠᠴᠠ ᠪᠠᠨ ᠡᠬᠢᠯᠡᠨ 30 ᠡᠳᠦᠷ ᠤᠨ ᠳᠤᠳᠤᠷ᠎ᠠ᠂ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠬᠢᠷᠢ ᠭᠡᠮ ᠤᠨ ᠳᠡᠰ ᠢᠶᠠᠨ ᠬᠢᠨᠠᠨ ᠳᠤᠬᠳᠠᠭᠠᠯᠭᠠᠬᠤ ᠪᠠᠷ ᠡᠷᠭᠦᠳᠡᠯ ᠭᠠᠷᠭᠠᠬᠤ | ᠬᠡᠷᠡᠭᠲᠡᠢ᠃ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠤᠨ ᠬᠢᠷᠢ ᠭᠡᠮ ᠤᠨ ᠬᠠᠮᠢᠶᠠᠷᠤᠯᠳᠠ ᠶᠢᠨ | ᠠᠷᠭ᠎ᠠ ᠶᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠤᠨ ᠤ ᠪᠦᠳᠦᠭᠡᠨ ᠪᠠᠶᠢᠭᠤᠯᠤᠯᠳᠠ ᠶᠢᠨ | ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠳᠤᠬᠳᠠᠭᠠᠨ᠎ᠠ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠬᠢᠨᠡᠨ ᠳᠤᠬᠳᠠᠭᠠᠬᠰᠠᠨ ᠬᠢᠷᠢ ᠭᠡᠮ ᠤᠨ ᠳᠡᠰ ᠤᠨ | ᠬᠡᠪᠴᠢᠶᠡᠨ ᠳᠤᠲᠤᠷ᠎ᠠ ᠪᠠᠨ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠬᠢᠬᠦ ᠭᠡᠷᠡᠭᠲᠡᠢ᠃ ᠬᠢᠷᠢ ᠭᠡᠮ ᠤᠨ | ᠳᠡᠰ ᠤᠨ ᠦᠨᠡᠮᠯᠡᠯ ᠤᠯᠤᠭ᠎ᠠ ᠦᠭᠡᠢ ᠪᠤᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠬᠢᠵᠦ ᠪᠤᠯᠬᠤ | ᠦᠭᠡᠢ᠃ | ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯ ᠬᠢᠵᠦ ᠪᠠᠶᠢᠭ᠎ᠠ ᠬᠦᠮᠦᠰ ᠤᠯᠤᠰ ᠤᠨ ᠬᠤᠯᠪᠤᠬᠳᠠᠯ ᠪᠦᠬᠦᠢ | ᠳᠤᠬᠳᠠᠭᠠᠯ ᠶᠤᠰᠤᠭᠠᠷ ᠠᠵᠢᠯ ᠮᠡᠷᠭᠡᠵᠢᠯ ᠤᠨ ᠬᠢᠷᠢ ᠭᠡᠮ ᠤᠨ ᠦᠨᠡᠮᠯᠡᠯ ᠤᠯᠬᠤ ᠬᠡᠷᠡᠭᠲᠡᠢ᠃ | ᠦᠪᠡᠷᠲᠡᠭᠡᠨ ᠵᠠᠰᠠᠬᠤ ᠤᠷᠤᠨ ᠤ ᠭᠠᠳᠠᠨᠠᠬᠢ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ | ᠦᠪᠡᠷᠳᠡᠭᠡᠨ ᠵᠠᠰᠠᠬᠤ ᠤᠷᠤᠨ ᠳᠤ ᠢᠷᠡᠵᠤ ᠠᠳᠠᠯ ᠠᠬᠤᠢ ᠶᠢᠨ ᠬᠠᠮᠢᠶᠠᠷᠤᠯᠳᠠ ᠶᠢᠨ ᠠᠵᠢᠯᠯᠠᠭ᠎ᠠ ᠡᠷᠬᠢᠯᠡᠬᠦ ᠳᠡᠭᠡᠨ | ᠬᠢᠷᠢ ᠭᠡᠮ ᠤᠨ ᠳᠡᠰ ᠤᠨ ᠦᠨᠡᠮᠯᠠᠯ ᠢᠶᠠᠨ ᠠᠪᠴᠤ ᠲᠦᠷᠦᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ | ᠱᠠᠳᠤᠨ ᠤ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠲᠤ ᠤᠴᠢᠵᠤ ᠳᠠᠩᠰᠠᠯᠠᠭᠤᠯᠬᠤ ᠭᠡᠷᠡᠭᠲᠡᠢ᠃ | ᠭᠤᠴᠢᠨ ᠵᠢᠷᠭᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠤᠷᠠᠬᠢ ᠮᠡᠲᠦ ᠡᠷᠬᠡ | ᠲᠠᠢ᠄ | ︵ᠨᠢᠭᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ ᠪᠠ ᠬᠠᠮᠢᠶᠠᠷᠤᠯᠳᠠ ᠶᠢᠨ ᠲᠦᠷᠢᠮ ᠶᠤᠰᠤᠭᠠᠷ ᠠᠳᠠᠯ | ᠠᠬᠤᠢ ᠶᠢ ᠬᠠᠮᠢᠶᠠᠷᠤᠨ᠎ᠠ︔ | ︵ᠬᠤᠶᠡᠷ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠳᠤᠬᠳᠠᠭᠠᠯ ᠶᠤᠰᠤᠭᠠᠷ ᠠᠳᠠᠯ ᠠᠬᠤᠢ ᠶᠢᠨ | ᠦᠢᠯᠡᠴᠢᠯᠡᠭᠡᠨ ᠤ ᠰᠦᠢᠳᠭᠡᠯ ᠬᠤᠷᠢᠶᠠᠨ᠎ᠠ︔ | ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠳᠤᠷᠠᠬᠢ ᠳᠤᠰᠬᠠᠢ ᠲᠦᠷᠦᠯ ᠤᠨ | ᠦᠢᠯᠡᠴᠢᠯᠡᠭᠡᠨ ᠤ ᠠᠵᠢᠯ ᠢ ᠳᠤᠰᠬᠠᠢ ᠮᠡᠷᠭᠡᠵᠢᠯ ᠤᠨ ᠴᠢᠨᠠᠷ ᠲᠠᠢ ᠦᠢᠯᠡᠴᠢᠯᠡᠭᠡᠨ ᠤ ᠠᠵᠤ ᠠᠬᠤᠢᠢᠯᠠᠯ ᠳᠤ ᠨᠠᠶᠢᠳᠠᠵᠤ | ᠪᠤᠯᠤᠨ᠎ᠠ᠂ ᠭᠡᠪᠡᠴᠤ ᠳᠤᠰ ᠠᠳᠠᠯ ᠠᠬᠤᠢ ᠶᠢᠨ ᠤᠷᠤᠨ ᠤ ᠳᠤᠳᠤᠷᠠᠬᠢ ᠪᠦᠬᠦ ᠠᠳᠠᠯ ᠠᠬᠤᠢ ᠶᠢᠨ ᠬᠠᠮᠢᠶᠠᠷᠤᠯᠳᠠ ᠶᠢ | ᠵᠡᠷᠭᠡ ᠳᠤᠨᠢ ᠪᠤᠰᠤᠳ ᠲᠤ ᠨᠠᠶᠢᠳᠠᠵᠤ ᠪᠤᠯᠬᠤ ᠦᠭᠡᠢ︔ | ︵ᠲᠦᠷᠪᠡ︶ ᠬᠠᠤᠯᠢ ᠴᠠᠭᠠᠵᠠ᠂ ᠬᠠᠤᠯᠢ ᠳᠤᠬᠳᠠᠭᠠᠯ ᠤᠨ ᠳᠤᠬᠳᠠᠭᠠᠯ ᠪᠠ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤ ᠳᠤᠬᠳᠠᠭᠠᠬᠰᠠᠨ ᠪᠤᠰᠤᠳ ᠡᠷᠬᠡ᠃ | ᠭᠤᠴᠢᠨ ᠳᠤᠯᠤᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠤᠷᠠᠬᠢ ᠡᠭᠦᠷᠭᠡ ᠶᠢ | ᠭᠦᠢᠴᠡᠳᠭᠡᠬᠦ ᠬᠡᠷᠡᠭᠲᠡᠢ᠄ | ︵ᠨᠢᠬᠡ︶ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢ ᠭᠡᠷᠡᠭᠵᠢᠭᠦᠯᠵᠤ᠂ ᠠᠳᠠᠯ ᠠᠬᠤᠢ ᠶᠢᠨ | ᠬᠠᠮᠢᠶᠠᠷᠤᠯᠳᠠ ᠶᠢᠨ ᠠᠵᠢᠯ ᠲᠦᠷᠦᠯ ᠤᠨ ᠵᠢᠷᠤᠮᠵᠢᠯ ᠪᠠ ᠮᠡᠷᠭᠡᠵᠢᠯ ᠤᠨ ᠪᠠᠷᠢᠮᠵᠢᠶ᠎ᠠ ᠶᠢ ᠭᠡᠷᠡᠭᠵᠢᠬᠦᠯᠦᠨ᠂ ᠬᠠᠤᠯᠢ | ᠶᠤᠰᠤᠭᠠᠷ ᠡᠵᠡᠩᠨᠡᠬᠦ ᠭᠡᠷᠡᠭᠲᠡᠢ︔ | ︵ᠬᠤᠶᠠᠷ︶ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠶᠢ ᠦᠨᠳᠦᠰᠦᠯᠡᠨ᠂ ᠪᠤᠳᠠᠳᠠᠢ ᠲᠠᠢ ᠪᠠᠨ ᠤᠶᠠᠯᠳᠤᠭᠤᠯᠵᠤ᠂ ᠠᠳᠠᠯ ᠠᠬᠤᠢ ᠶᠢᠨ | ᠬᠠᠮᠢᠶᠠᠷᠤᠯᠳᠠ ᠶᠢᠨ ᠲᠦᠷᠢᠮ ᠢ ᠨᠤᠤᠷᠠᠬᠯᠠᠬᠤ ᠭᠡᠷᠡᠭᠲᠡᠢ︔ | ︵ᠭᠤᠷᠪᠠ︶ ᠦᠮᠴᠢᠳᠡᠨ ᠪᠠ ᠦᠮᠴᠢᠳᠡᠨ ᠤ ᠵᠦᠪᠯᠡᠯ ᠤᠨ ᠬᠢᠨᠡᠯᠳᠠ ᠶᠢ ᠬᠦᠯᠢᠶᠡᠬᠦ ᠭᠡᠷᠡᠭᠲᠡᠢ︔ | ︵ᠲᠦᠷᠪᠡ︶ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ ᠬᠢᠨᠠᠯᠳᠠ | ᠬᠠᠮᠢᠶᠠᠷᠤᠯᠳᠠ ᠶᠢ ᠬᠦᠯᠢᠶᠡᠬᠦ ᠬᠡᠷᠡᠭᠲᠡᠢ︔ | ︵ᠲᠠᠪᠤ︶ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠪᠠ ᠤᠷᠤᠯᠠᠨ ᠬᠠᠮᠢᠶᠠᠷᠬᠤ ᠪᠡᠯᠡ ᠮᠦᠡᠭᠬᠦ ᠶᠢᠨ | ᠭᠡᠷᠡᠭᠯᠡᠭᠡ ᠶᠢᠨ ᠪᠠᠶᠢᠳᠠᠯ ᠢ ᠳᠤᠬᠳᠠᠮᠠᠯ ᠬᠤᠭᠤᠴᠠᠭ᠎ᠠ ᠲᠠᠢ ᠪᠠᠷ ᠨᠡᠶᠢᠳᠡᠯᠡᠬᠦ ᠭᠡᠷᠡᠭᠲᠡᠢ︔ | ︵ᠵᠢᠷᠭᠤᠭ᠎ᠠ︶ ᠠᠳᠠᠯ ᠠᠬᠤᠢ ᠶᠢᠨ ᠬᠤᠯᠪᠤᠬᠳᠠᠯ ᠪᠦᠬᠦᠢ ᠮᠠᠲ᠋ᠧᠷᠢᠶᠠᠯ ᠢ ᠳᠤᠬᠢᠷᠠᠮᠵᠢᠲᠠᠢ ᠬᠠᠳᠠᠭᠠᠯᠠᠬᠤ ᠭᠡᠷᠡᠭᠲᠡᠢ | ︔ | ︵ᠲᠤᠯᠤᠭ᠎ᠠ︶ ᠠᠮᠤᠷ ᠢ ᠬᠠᠮᠠᠭᠠᠯᠠᠬᠤ᠂ ᠤᠷᠴᠢᠨ ᠳᠤᠭᠤᠷᠢᠨ ᠢ ᠬᠠᠮᠠᠭᠠᠯᠠᠬᠤ᠂ ᠠᠳᠠᠯ ᠠᠬᠤᠢ ᠶᠢᠨ ᠴᠢᠮᠡᠭᠯᠡᠯ | ᠵᠠᠰᠠᠯ ᠪᠠ ᠭᠡᠷᠡᠭᠯᠡᠭᠡ ᠵᠡᠷᠭᠡ ᠳᠠᠯ᠎ᠠ ᠶᠢᠨ ᠬᠠᠤᠯᠢ ᠴᠠᠭᠠᠵᠠ᠂ ᠬᠠᠤᠯᠢ ᠳᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ | ᠶᠢ ᠴᠠᠬ ᠳᠤᠬᠠᠢ ᠳᠤᠨᠢ ᠬᠤᠷᠢᠬᠯᠠᠬᠤ ᠶᠢᠨ ᠬᠠᠮᠲᠤ ᠦᠮᠴᠢᠳᠡᠨ ᠤ ᠵᠦᠪᠯᠡᠯ ᠪᠠ ᠬᠤᠯᠪᠤᠬᠳᠠᠯ ᠪᠦᠬᠦᠢ ᠵᠠᠰᠠᠬ | ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠬᠦ ᠭᠡᠷᠡᠭᠲᠡᠢ︔ | ︵ᠨᠠᠢᠮᠠ︶ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ | ᠳᠤᠬᠳᠠᠭᠠᠬᠰᠠᠨ ᠪᠤᠰᠤᠳ ᠡᠭᠦᠷᠭᠡ᠃ | ᠭᠤᠴᠢᠨ ᠨᠠᠢᠮᠠᠳᠤᠭᠠᠷ ᠵᠦᠢᠯ ᠦᠮᠴᠢᠳᠡᠨ ᠤ ᠵᠦᠪᠯᠡᠯ ᠨᠢ ᠦᠮᠴᠢᠳᠡᠳ ᠤᠨ ᠶᠡᠭᠡ ᠬᠤᠷᠠᠯ ᠢᠶᠠᠷ ᠰᠤᠩᠭᠤᠨ | ᠤᠷᠢᠬᠰᠠᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠲᠠᠢ ᠤᠯᠤᠰ ᠪᠤᠶᠤ ᠦᠪᠡᠷᠲᠡᠭᠡᠨ ᠵᠠᠰᠠᠬᠤ | ᠤᠷᠤᠨ ᠤ ᠳᠤᠬᠳᠠᠭᠠᠬᠰᠠᠨ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠠ ᠶᠢᠨ ᠵᠢᠱᠢᠶ᠎ᠡ ᠳᠡᠪᠲᠡᠷ ᠢᠶᠠᠷ ᠯᠠᠪᠯᠠᠯᠳᠠ | ᠪᠤᠯᠭᠠᠵᠤ ᠪᠢᠴᠢᠭ ᠢᠶᠠᠷ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤᠬᠳᠠᠬᠤ ᠭᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠤᠷᠠᠬᠢ ᠠᠭᠤᠯᠭ᠎ᠠ ᠶᠢ ᠪᠠᠭᠲᠠᠭᠠᠨ᠎ᠠ᠄ | ︵ᠨᠢᠭᠡ︶ ᠲᠤᠬᠠᠢ ᠶᠢᠨ ᠬᠦᠮᠦᠨ ᠪᠠ ᠠᠳᠠᠯ ᠠᠬᠤᠢ ᠶᠢᠨ ᠦᠨᠳᠦᠰᠦᠨ ᠪᠠᠶᠢᠳᠠᠯ︔ | ︵ᠬᠤᠶᠠᠷ︶ ᠠᠳᠠᠯ ᠠᠬᠤᠢ ᠶᠢᠨ ᠬᠠᠮᠢᠶᠠᠷᠤᠯᠳᠠ ᠶᠢᠨ ᠵᠦᠢᠯᠡᠰ︔ | ︵ᠭᠤᠷᠪᠠ︶ ᠠᠳᠠᠯ ᠠᠬᠤᠢ ᠶᠢᠨ ᠦᠢᠯᠡᠴᠢᠯᠡᠭᠡᠨ ᠤ ᠴᠢᠨᠠᠷ ᠴᠢᠨᠰᠠᠭ᠎ᠠ︔ | ︵ᠲᠦᠷᠪᠡ︶ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠵᠢᠴᠢ ᠳᠡᠭᠦᠨ ᠢ ᠬᠤᠷᠢᠶᠠᠵᠤ ᠳᠤᠰᠢᠶᠠᠬᠤ | ᠠᠷᠭ᠎ᠠ ᠬᠡᠯᠪᠡᠷᠢ︔ | ︵ᠲᠠᠪᠤ︶ ᠬᠤᠶᠠᠷ ᠳᠠᠯ᠎ᠠ ᠶᠢᠨ ᠡᠷᠬᠡ ᠡᠭᠦᠷᠭᠡ ᠬᠠᠷᠢᠭᠤᠴᠠᠯᠭ᠎ᠠ︔ | ︵ᠵᠢᠷᠭᠤᠭ᠎ᠠ︶ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢᠨ ᠬᠠᠮᠢᠶᠠᠷᠤᠯᠳᠠ ᠪᠤᠯᠤᠨ ᠭᠡᠷᠡᠭᠯᠡᠭᠡ | ᠶᠢᠨ ᠠᠷᠭ᠎ᠠ ᠬᠡᠯᠪᠡᠷᠢ︔ | ︵ᠳᠤᠯᠤᠭ᠎ᠠ︶ ᠠᠳᠠᠯ ᠠᠬᠤᠢ ᠶᠢᠨ ᠬᠠᠮᠢᠶᠠᠷᠤᠯᠳᠠ ᠳᠤ ᠬᠡᠷᠡᠭᠯᠡᠬᠦ ᠭᠡᠷ ᠤᠨ ᠬᠡᠷᠡᠭᠯᠡᠭᠡ ᠪᠤᠯᠤᠨ ᠬᠠᠮᠠᠭᠠᠯᠠᠯᠳᠠ︔ | ︵ᠨᠠᠢᠮᠠ︶ ᠭᠡᠷ᠎ᠡ ᠶᠢᠨ ᠬᠤᠭᠤᠴᠠᠭ᠎ᠠ ᠬᠢᠵᠠᠭᠠᠷ᠂ ᠭᠡᠷ᠎ᠡ ᠶᠢ ᠵᠤᠬᠰᠤᠭᠠᠬᠤ ᠪᠠ ᠬᠦᠴᠦᠨ ᠦᠭᠡᠢ ᠪᠤᠯᠭᠠᠬᠤ | ᠳᠤᠬᠳᠠᠭᠠᠯ︔ | ︵ᠶᠢᠰᠦ︶ ᠭᠡᠷ᠎ᠡ ᠠᠴᠠ ᠵᠦᠷᠢᠴᠡᠭᠰᠡᠨ ᠬᠠᠷᠢᠭᠤᠴᠠᠯᠭ᠎ᠠ ᠵᠢᠴᠢ ᠵᠢᠭᠤᠷᠠᠭᠠᠨ ᠢ ᠰᠢᠢᠳᠪᠦᠷᠢᠯᠡᠬᠦ ᠠᠷᠭ᠎ᠠ ᠵᠠᠮ︔ | ︵ᠠᠷᠪᠠ︶ ᠬᠤᠶᠠᠷ ᠳᠠᠯ᠎ᠠ ᠪᠠᠷ ᠢᠶᠠᠨ ᠳᠤᠬᠳᠠᠭᠠᠬᠰᠠᠨ ᠪᠤᠰᠤᠳ ᠵᠦᠢᠯᠡᠰ᠃ | ᠭᠤᠴᠢ ᠶᠢᠰᠦᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠦᠯ ᠵᠦᠢᠯ ᠨᠢ ᠶᠡᠷᠦ ᠶᠢᠨ | ᠪᠠᠶᠢᠳᠠᠯ ᠳᠤ ᠳᠤᠤᠷᠠᠬᠢ ᠠᠭᠤᠯᠭ᠎ᠠ ᠶᠢ ᠪᠠᠭᠳᠠᠭᠠᠨ᠎ᠠ᠄ | ︵ᠨᠢᠭᠡ︶ ᠠᠳᠠᠯ ᠠᠬᠤᠢ ᠶᠢᠨ ᠨᠡᠶᠢᠳᠡ ᠶᠢᠨ ᠭᠡᠷᠡᠭᠯᠡᠭᠡᠨ ᠤ ᠭᠡᠰᠡᠭ ᠤᠨ ᠬᠠᠮᠠᠭᠠᠯᠠᠯᠳᠠ ᠪᠠ ᠬᠠᠮᠢᠶᠠᠷᠤᠯᠳᠠ︔ | ︵ᠬᠤᠶᠠᠷ︶ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠲᠦᠭᠦᠭᠡᠷᠦᠮᠵᠢ ᠪᠡᠯᠡᠳᠭᠡᠮᠵᠢ ᠵᠢᠴᠢ ᠳᠡᠭᠦᠨ ᠤ | ᠠᠵᠢᠯᠯᠠᠭ᠎ᠠ ᠤ ᠶᠠᠪᠤᠴᠠ ᠳᠠᠬᠢ ᠰᠡᠯᠪᠢᠨ ᠵᠠᠰᠠᠯᠲᠠ ᠪᠠ ᠬᠠᠮᠢᠶᠠᠷᠤᠯᠳᠠ︔ | ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠤᠯᠠᠨ ᠨᠡᠶᠢᠳᠡ ᠶᠢᠨ ᠤᠷᠴᠢᠨ | ᠲᠤᠭᠤᠷᠢᠨ ᠤ ᠠᠷᠢᠭᠤᠨ ᠴᠡᠪᠡᠷ ᠪᠠ ᠨᠤᠭᠤᠭᠠᠷᠠᠭᠤᠯᠤᠯᠳᠠ ᠶᠢᠨ ᠬᠠᠮᠢᠶᠠᠷᠤᠯᠳᠠ︔ | ︵ᠲᠦᠷᠪᠡ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠠᠮᠤᠷ ᠲᠦᠪᠰᠢᠨ᠂ ᠭᠠᠯ | ᠰᠡᠷᠭᠡᠶᠢᠯᠡᠬᠦ᠂ ᠭᠠᠯ ᠤᠨᠳᠠᠷᠠᠭᠠᠬᠤ᠂ ᠵᠠᠮ ᠬᠠᠷᠢᠯᠴᠠᠭ᠎ᠠ ᠵᠡᠷᠭᠡ ᠬᠠᠮᠵᠢᠯᠴᠠᠨ ᠬᠠᠮᠢᠶᠠᠷᠬᠤ ᠵᠦᠢᠯᠡᠰ ᠤᠨ ᠦᠢᠯᠡᠴᠢᠯᠡᠭᠡ︔ | | ︵ᠲᠠᠪᠤ︶ ᠠᠳᠠᠯ ᠠᠬᠤᠢ ᠶᠢᠨ ᠵᠠᠰᠠᠯ ᠴᠢᠮᠡᠭᠯᠡᠯ ᠤᠨ ᠬᠠᠮᠢᠶᠠᠷᠤᠯᠳᠠ ᠶᠢᠨ ᠦᠢᠯᠡᠴᠢᠯᠡᠭᠡ︔ | ︵ᠵᠢᠷᠭᠤᠭ᠎ᠠ︶ ᠠᠳᠠᠯ ᠠᠬᠤᠢ ᠶᠢᠨ ᠳᠠᠩᠰᠠ ᠡᠪᠬᠡᠮᠡᠯ ᠤᠨ ᠮᠠᠲ᠋ᠧᠷᠢᠶᠠᠯ ᠤᠨ ᠬᠠᠮᠢᠶᠠᠷᠤᠯᠳᠠ︔ | ︵ᠳᠤᠯᠤᠭ᠎ᠠ︶ ᠪᠤᠰᠤᠳ ᠬᠠᠮᠢᠶᠠᠷᠤᠯᠳᠠ ᠶᠢᠨ ᠵᠦᠢᠯᠡᠰ᠃ | ᠳᠦᠴᠢᠳᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢ ᠬᠤᠷᠢᠶᠠᠬᠤ ᠳᠠᠭᠠᠨ ᠵᠦᠢ ᠵᠤᠬᠢᠰᠳᠠᠢ | ᠂ ᠢᠯᠠ ᠪᠦᠭᠡᠳ ᠰᠦᠢᠳᠭᠡᠯ ᠪᠠ ᠦᠢᠯᠡᠴᠢᠯᠡᠭᠡᠨ ᠤ ᠲᠦᠪᠰᠢᠨ ᠢ ᠵᠤᠬᠢᠴᠠᠭᠤᠯᠬᠤ ᠵᠠᠷᠴᠢᠮ ᠢ ᠵᠢᠷᠦᠮᠯᠡᠨ᠂ ᠠᠳᠠᠯᠢ | ᠪᠤᠰᠤ ᠠᠳᠠᠯ ᠠᠬᠤᠢ ᠶᠢᠨ ᠰᠢᠨᠵᠢ ᠴᠢᠨᠠᠷ ᠪᠠ ᠤᠨᠴᠠᠯᠢᠬ ᠤᠨ ᠢᠯᠭᠠᠭ᠎ᠠ ᠪᠠᠷ ᠦᠮᠴᠢᠳᠡᠨ ᠪᠠ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ | ᠳᠤᠬᠳᠠᠭᠠᠯ ᠶᠤᠰᠤᠭᠠᠷ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠭᠠᠬᠤ ᠭᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠦᠮᠴᠢᠳᠡᠨ ᠤ ᠨᠠᠶᠢᠳᠠᠯᠭ᠎ᠠ ᠶᠢ ᠦᠨᠳᠦᠰᠦᠯᠡᠨ᠂ | ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤ ᠳᠤᠬᠳᠠᠬᠰᠠᠨ ᠠᠴᠠ ᠭᠠᠳᠠᠨᠠᠬᠢ ᠦᠢᠯᠡᠴᠢᠯᠡᠬᠦ ᠲᠦᠷᠦᠯ ᠵᠦᠢᠯ ᠢ | ᠬᠠᠨᠭ᠍ᠭᠠᠵᠤ ᠪᠤᠯᠬᠤ ᠪᠦᠭᠡᠳ ᠦᠢᠯᠡᠴᠢᠯᠡᠭᠡᠨ ᠤ ᠬᠦᠯᠦᠰᠦ ᠮᠦᠡᠭᠬᠦ ᠶᠢ ᠬᠤᠶᠠᠷ ᠳᠠᠯ᠎ᠠ ᠪᠠᠷ ᠢᠶᠠᠨ ᠬᠡᠯᠡᠯᠴᠡᠨ | ᠳᠤᠬᠳᠠᠭᠠᠨ᠎ᠠ᠃ | ᠳᠦᠴᠢᠨ ᠨᠢᠭᠡᠳᠦᠭᠡᠷ ᠵᠦᠢᠯ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠲᠤᠷᠠᠬᠢ ᠤᠰᠤ ᠬᠠᠨᠭ᠍ᠭᠠᠬᠤ | ᠂ ᠴᠠᠬᠢᠯᠭᠠᠠ ᠬᠠᠩᠭᠠᠬᠤ᠂ ᠬᠡᠢ ᠬᠠᠨᠭ᠍ᠭᠠᠬᠤ᠂ ᠢᠯᠴᠢ ᠬᠠᠨᠭ᠍ᠭᠠᠬᠤ᠂ ᠴᠢᠮᠡᠭᠡ ᠬᠤᠯᠪᠣᠭ᠎ᠠ᠂ ᠤᠳᠠᠰᠤᠲᠤ ᠲᠧᠯᠸᠢᠰ | ᠵᠡᠷᠭᠡ ᠨᠢᠭᠡᠴᠠ ᠨᠢ ᠵᠢᠩᠬᠢᠨᠢ ᠭᠡᠷᠡᠭᠯᠡᠭᠴᠢ ᠠᠴᠠ ᠬᠤᠯᠪᠤᠬᠳᠠᠯ ᠪᠦᠬᠦᠢ ᠰᠦᠢᠳᠭᠡᠯ ᠢ ᠬᠤᠷᠢᠶᠠᠨ᠎ᠠ᠃ | ᠶᠠᠮᠠᠷᠪᠠ ᠨᠢᠭᠡᠴᠠ ᠪᠤᠶᠤ ᠬᠤᠪᠢ ᠬᠦᠮᠦᠨ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠢ ᠡᠮᠦᠨ᠎ᠡ | ᠪᠠᠳᠠᠬ ᠲᠤ ᠳᠤᠷᠠᠳᠤᠬᠰᠠᠨ ᠰᠦᠢᠳᠭᠡᠯ ᠢ ᠤᠷᠤᠯᠠᠨ ᠬᠤᠷᠢᠶᠠᠯᠭᠠᠬᠤ ᠪᠠᠷ ᠠᠯᠪᠠᠳᠠᠵᠤ ᠪᠤᠯᠬᠤ ᠦᠭᠡᠢ᠂ ᠠᠳᠠᠯ ᠠᠬᠤᠢ | ᠶᠢᠨ ᠦᠢᠯᠡᠴᠢᠯᠡᠭᠡᠨ ᠤ ᠠᠵᠤ ᠠᠬᠤᠢᠢᠯᠠᠯ ᠡᠮᠦᠨ᠎ᠡ ᠪᠠᠳᠠᠬ ᠲᠤ ᠲᠤᠷᠠᠳᠤᠬᠰᠠᠨ ᠰᠦᠢᠳᠭᠡᠯ ᠢ ᠤᠷᠤᠯᠠᠨ ᠬᠤᠷᠢᠶᠠᠬᠤ | ᠶᠢ ᠳᠡᠪᠴᠢᠭᠰᠡᠨ ᠠᠴᠠ ᠪᠤᠯᠵᠤ ᠦᠢᠯᠡᠴᠢᠯᠡᠭᠡ ᠬᠠᠨᠭ᠍ᠭᠠᠬᠤ ᠶᠢ ᠨᠢ ᠵᠤᠬᠰᠤᠭᠠᠵᠤ ᠴᠤ ᠪᠤᠯᠬᠤ ᠦᠭᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠨᠠᠶᠢᠳᠠᠯᠭ᠎ᠠ ᠬᠦᠯᠢᠶᠡᠵᠦ ᠳᠤᠰ ᠲᠦᠷᠢᠮ ᠤᠨ | ᠨᠢᠭᠡᠳᠦᠭᠡᠷ ᠪᠠᠳᠠᠬ ᠤᠨ ᠰᠦᠢᠳᠭᠡᠯ ᠢ ᠤᠷᠤᠯᠠᠨ ᠬᠤᠷᠢᠶᠠᠪᠠᠯ᠂ ᠦᠮᠴᠢᠳᠡᠨ ᠠᠴᠠ ᠭᠠᠷᠳᠠᠮ ᠭᠦᠢᠴᠡᠳᠭᠡᠬᠦ | ᠰᠦᠢᠳᠭᠡᠯ ᠮᠡᠲᠦ ᠶᠢᠨ ᠳᠤᠬᠲᠠᠭᠠᠯ ᠠᠴᠠ ᠭᠠᠳᠠᠨᠠᠬᠢ ᠰᠦᠢᠳᠭᠡᠯ ᠬᠤᠷᠢᠶᠠᠵᠤ ᠪᠤᠯᠬᠤ ᠦᠭᠡᠢ᠃ | ᠲᠦᠴᠢᠨ ᠬᠤᠶᠠᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢᠨ | ᠬᠠᠮᠢᠶᠠᠷᠤᠯᠳᠠ ᠶᠢᠨ ᠤᠷᠤᠨ ᠤ ᠳᠤᠳᠤᠷᠠᠬᠢ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠠᠵᠢᠯ ᠢ ᠬᠠᠮᠵᠢᠯᠴᠠᠨ | ᠰᠠᠶᠢᠳᠤᠷ ᠬᠢᠬᠦ ᠭᠡᠷᠡᠭᠲᠡᠢ᠃ ᠠᠮᠤᠷ ᠲᠦᠪᠰᠢᠨ ᠤ ᠠᠳᠡᠯ ᠭᠠᠷᠬᠤ ᠦᠶᠡᠰ᠂ ᠠᠳᠠᠯ ᠠᠬᠤᠢ ᠶᠢᠨ ᠦᠢᠯᠡᠴᠢᠯᠡᠭᠡᠨ ᠤ | ᠠᠵᠤ ᠠᠬᠤᠢᠢᠯᠠᠯ ᠪᠠᠴᠢᠮ ᠠᠷᠭᠠᠴᠠᠬᠤ ᠠᠷᠭ᠎ᠠ ᠬᠡᠮᠵᠢᠶ᠎ᠡ ᠠᠪᠬᠤ ᠶᠢᠨ ᠬᠠᠮᠲᠤ ᠴᠠᠬ ᠲᠤᠬᠠᠢ ᠳᠤᠨᠢ ᠬᠤᠯᠪᠤᠬᠳᠠᠯ | ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠬᠦ ᠪᠦᠭᠡᠳ ᠠᠪᠤᠷᠠᠨ ᠳᠤᠰᠠᠯᠠᠬᠤ | ᠠᠵᠢᠯ ᠳᠤ ᠰᠠᠶᠢᠳᠤᠷ ᠬᠠᠮᠵᠢᠯᠴᠠᠬᠤ ᠭᠡᠷᠡᠭᠲᠡᠢ᠃ | ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠮᠤᠷ ᠢ ᠬᠠᠮᠠᠭᠠᠯᠠᠬᠴᠢ ᠬᠦᠯᠦᠰᠦᠯᠡᠨ ᠭᠡᠷᠡᠭᠯᠡᠬᠦ ᠳᠡᠭᠡᠨ | ᠤᠯᠤᠰ ᠤᠨ ᠬᠤᠯᠪᠤᠬᠳᠠᠯ ᠪᠦᠬᠦᠢ ᠳᠤᠬᠳᠠᠭᠠᠯ ᠢ ᠵᠢᠷᠤᠮᠯᠡᠬᠤ ᠬᠡᠷᠡᠭᠲᠡᠢ᠃ ᠠᠮᠤᠷ ᠢ ᠬᠠᠮᠠᠭᠠᠯᠠᠬᠴᠢ ᠠᠳᠠᠯ ᠠᠬᠤᠢ | ᠶᠢᠨ ᠤᠷᠤᠨ ᠤ ᠳᠤᠲᠤᠷᠠᠬᠢ ᠤᠯᠠᠨ ᠨᠡᠶᠢᠳᠡ ᠶᠢᠨ ᠡᠮᠬᠢ ᠵᠢᠷᠣᠮ ᠢ ᠬᠠᠮᠠᠭᠠᠯᠠᠬᠤ ᠦᠶᠡᠰ ᠲᠡᠭᠡᠨ ᠳᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠢ᠃ ᠠᠷᠠᠳ ᠢᠷᠭᠡᠳ ᠤᠨ ᠬᠠᠤᠯᠢ ᠶᠤᠰᠤᠨ ᠤ ᠡᠷᠬᠡ ᠠᠰᠢᠬ ᠲᠤ | ᠬᠠᠯᠳᠠᠵᠤ ᠪᠤᠯᠬᠤ ᠦᠭᠡᠢ᠃ | ᠲᠦᠴᠢᠨ ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠦᠮᠴᠢᠳᠡᠨ᠂ ᠦᠮᠴᠢᠳᠡᠨ ᠤ ᠵᠦᠪᠯᠡᠯ᠂ ᠠᠳᠠᠯ ᠠᠬᠤᠢ ᠶᠢ ᠬᠡᠷᠡᠭᠯᠡᠵᠤ ᠪᠠᠶᠢᠭ᠎ᠠ ᠬᠦᠮᠦᠨ ᠪᠠ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠵᠡᠷᠭᠡ ᠲᠤᠬᠠᠢ ᠶᠢᠨ ᠬᠦᠮᠦᠨ ᠤ ᠠᠳᠠᠯ ᠠᠬᠤᠢ ᠶᠢᠨ ᠬᠠᠮᠢᠶᠠᠷᠤᠯᠳᠠ ᠶᠢᠨ | ᠠᠵᠢᠯᠯᠠᠭᠠᠨ ᠤ ᠳᠤᠮᠳᠠᠬᠢ ᠵᠠᠭᠠᠯᠳᠤᠯᠭ᠎ᠠ ᠶᠢ ᠴᠠᠬ ᠲᠤᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠭᠡᠷᠡᠭᠲᠡᠢ᠃ | ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ | ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠵᠠᠭᠠᠯᠳᠤᠯᠭ᠎ᠠ ᠶᠢ ᠬᠦᠯᠢᠶᠡᠨ | ᠠᠪᠤᠭᠰᠠᠠ ᠤ ᠳᠠᠷᠠᠭ᠎ᠠ᠂ ᠪᠠᠶᠢᠴᠠᠭᠠᠨ ᠰᠢᠢᠳᠪᠦᠷᠢᠯᠡᠬᠦ ᠶᠢᠨ ᠬᠠᠮᠳᠤ ᠵᠠᠭᠠᠯᠳᠤᠯᠭ᠎ᠠ ᠶᠢ ᠬᠦᠯᠢᠶᠡᠨ ᠠᠪᠴᠤ | ᠰᠢᠢᠳᠪᠦᠷᠢᠯᠡᠭᠰᠡᠨ ᠡᠲᠦᠷ ᠠᠴᠠ ᠡᠬᠢᠯᠡᠨ 15 ᠡᠲᠦᠷ ᠤᠨ ᠲᠤᠳᠤᠷ᠎ᠠ ᠵᠠᠭᠠᠯᠳᠤᠬᠴᠢ ᠳᠤ ᠬᠠᠷᠢᠭᠤᠯᠳᠠ ᠦᠭᠬᠦ | ᠭᠡᠷᠡᠭᠲᠡᠢ᠃ | ᠵᠠᠭᠠᠯᠳᠤᠯᠭ᠎ᠠ ᠶᠢᠨ ᠠᠭᠤᠯᠭ᠎ᠠ ᠨᠢ ᠪᠤᠰᠤᠳ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠤᠨ | ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠪᠠᠭᠳᠠᠪᠠᠯ᠂ ᠬᠦᠯᠢᠶᠡᠨ ᠠᠪᠴᠤ ᠰᠢᠢᠳᠪᠦᠷᠢᠯᠡᠬᠦ ᠨᠢᠭᠡᠴᠠ | ᠰᠢᠢᠳᠪᠦᠷᠢᠯᠡᠬᠦ ᠪᠠᠷ ᠬᠦᠯᠢᠶᠡᠨ ᠠᠪᠤᠭᠰᠠᠠ ᠡᠲᠦᠷ ᠠᠴᠠ ᠪᠠᠨ ᠡᠬᠢᠯᠡᠨ 5 ᠡᠲᠦᠷ ᠤᠨ ᠲᠤᠳᠤᠷ᠎ᠠ ᠬᠤᠯᠪᠤᠬᠳᠠᠯ | ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠰᠢᠯᠵᠢᠭᠦᠯᠦᠨ ᠭᠦᠷᠭᠡᠬᠦ ᠶᠢᠨ ᠬᠠᠮᠲᠤ | ᠵᠠᠭᠠᠯᠳᠤᠬᠴᠢ ᠳᠤ ᠪᠢᠴᠢᠭ ᠢᠶᠠᠷ ᠮᠡᠳᠡᠭᠳᠡᠬᠦ ᠭᠡᠷᠡᠭᠲᠡᠢ᠃ | ᠲᠠᠪᠤᠳᠤᠭᠠᠷ ᠪᠦᠯᠦᠭ ᠠᠳᠠᠯ ᠠᠬᠤᠢ ᠶᠢᠨ ᠬᠡᠷᠡᠭᠯᠡᠯᠳᠡ ᠪᠤᠯᠤᠨ ᠬᠠᠮᠠᠭᠠᠯᠠᠯᠳᠠ | ᠲᠦᠴᠢᠨ ᠲᠦᠷᠪᠡᠲᠦᠭᠡᠷ ᠵᠦᠢᠯ ᠠᠳᠠᠯ ᠠᠬᠤᠢ ᠶᠢᠨ ᠬᠠᠮᠢᠶᠠᠤᠯᠳᠠ ᠶᠢᠨ ᠤᠷᠤᠨ ᠤ ᠳᠤᠲᠤᠷ᠎ᠠ ᠳᠤᠤᠷᠠᠬᠢ | ᠠᠵᠢᠯᠯᠠᠭ᠎ᠠ ᠶᠢ ᠴᠠᠭᠠᠵᠠᠯᠠᠨ᠎ᠠ᠄ | ︵ᠨᠢᠭᠡ︶ ᠭᠡᠷ ᠪᠠᠶᠢᠰᠢᠩ ᠤᠨ ᠬᠦᠨᠳᠦ ᠶᠢ ᠳᠠᠭᠠᠭᠠᠬᠤ ᠪᠦᠳᠦᠴᠡ᠂ ᠭᠤᠤᠯ ᠴᠤᠬᠴᠠ ᠶᠢᠨ ᠪᠦᠲᠦᠴᠡ ᠪᠡ | ᠭᠡᠷ ᠪᠠᠶᠢᠰᠢᠩ ᠤᠨ ᠭᠠᠳᠠᠷ ᠳᠦᠷᠬᠦ ᠶᠢ ᠡᠪᠳᠡᠬᠦ︔ | ︵ᠬᠤᠶᠠᠷ︶ ᠲᠦᠯᠦᠪᠵᠢᠬᠦᠯᠭᠡ ᠶᠤᠰᠤᠭᠠᠷ ᠪᠦᠲᠦᠭᠡᠨ ᠪᠠᠶᠢᠭᠤᠯᠤᠬᠰᠠᠨ ᠤᠯᠠᠨ ᠨᠡᠶᠢᠳᠡ ᠶᠢᠨ ᠪᠠᠷᠢᠯᠭ᠎ᠠ ᠪᠠ | ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢᠨ ᠬᠡᠷᠡᠭᠯᠡᠭᠡ ᠶᠢ ᠬᠤᠪᠢᠷᠠᠭᠤᠯᠬᠤ︔ | ︵ᠭᠤᠷᠪᠠ︶ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠵᠠᠮ᠂ ᠲᠠᠯᠠᠪᠤᠷ ᠢ ᠳᠤᠷ᠎ᠠ ᠪᠠᠷ | ᠢᠶᠠᠨ ᠡᠵᠡᠯᠡᠵᠦ᠂ ᠮᠠᠯᠳᠠᠬᠤ︔ | ︵ᠲᠦᠷᠪᠡ︶ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠬᠡᠰᠡᠭ ᠪᠠ ᠨᠡᠶᠢᠳᠡ ᠶᠢᠨ ᠬᠡᠷᠡᠭᠯᠡᠭᠡᠨ ᠤ | ᠪᠡᠯᠡᠳᠭᠡᠯ ᠲᠦᠭᠦᠭᠡᠷᠦᠮᠵᠢ ᠶᠢ ᠡᠵᠡᠯᠡᠬᠦ᠂ ᠡᠪᠳᠡᠬᠦ ᠪᠤᠶᠤ ᠳᠤᠷ᠎ᠠ ᠪᠠᠷ ᠢᠶᠠᠨ ᠰᠢᠯᠵᠢᠭᠦᠯᠬᠦ︔ | ︵ᠲᠠᠪᠤ︶ ᠲᠦᠷᠢᠮ ᠠᠴᠠ ᠵᠦᠷᠢᠴᠡᠵᠦ ᠪᠠᠷᠢᠵᠤ ᠪᠠᠶᠢᠭᠤᠯᠬᠤ︔ | ︵ᠵᠢᠷᠭᠤᠭ᠎ᠠ︶ ᠳᠤᠷ᠎ᠠ ᠪᠠᠷ ᠢᠶᠠᠨ ᠴᠤᠬᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠭᠠᠷᠭᠠᠬᠤ︔ | ︵ᠳᠤᠯᠤᠭ᠎ᠠ︶ ᠳᠤᠷ᠎ᠠ ᠪᠠᠷ ᠢᠶᠠᠨ ᠬᠤᠬ ᠨᠤᠪᠰᠢ᠂ ᠰᠤᠯᠠ ᠶᠠᠭᠤᠮ᠎ᠠ ᠬᠠᠶᠠᠬᠤ᠂ ᠵᠦᠯᠭᠡ ᠭᠠᠵᠠᠷ ᠢ ᠡᠵᠡᠯᠡᠬᠦ | ᠪᠠ ᠡᠪᠳᠡᠬᠦ︔ | ︵ᠨᠠᠢᠮᠠ︶ ᠳᠤᠷ᠎ᠠ ᠪᠠᠷ ᠢᠶᠠᠨ ᠪᠠᠷᠢᠯᠭ᠎ᠠ ᠶᠢᠨ ᠤᠷᠤᠢ᠂ ᠭᠠᠳᠠᠨ᠎ᠠ ᠬᠠᠶᠠᠭ᠎ᠠ ᠳᠡᠭᠡᠷ᠎ᠡ ᠶᠠᠭᠤᠮ᠎ᠠ ᠤᠬᠰᠠᠷᠠᠬᠤ᠂ | ᠲᠠᠯᠪᠢᠬᠤ᠂ ᠡᠯᠬᠦᠬᠦ᠂ ᠨᠠᠭᠠᠬᠤ ᠪᠤᠶᠤ ᠪᠢᠴᠢᠬᠦ᠂ ᠰᠡᠶᠢᠯᠬᠦ᠂ ᠵᠢᠷᠤᠬᠤ︔ | ︵ᠶᠢᠰᠦ︶ ᠬᠤᠳᠠ ᠶᠢᠨ ᠳᠤᠲᠤᠷᠠᠬᠢ ᠤᠷᠤᠨ ᠰᠠᠭᠤᠴᠠ ᠶᠢᠨ ᠳᠤᠭᠤᠷᠢᠬ ᠤᠨ ᠳᠤᠲᠤᠷ᠎ᠠ ᠠᠮᠢᠳᠠᠨ ᠵᠢᠭᠦᠷᠳᠡᠨ | ᠳᠤᠷ᠎ᠠ ᠪᠠᠷ ᠢᠶᠠᠨ ᠲᠡᠵᠢᠭᠡᠬᠦ︔ | ︵ᠠᠷᠪᠠ︶ ᠬᠤᠯᠪᠤᠬᠳᠠᠯ ᠪᠦᠬᠦᠢ ᠳᠤᠬᠳᠠᠭᠠᠯ ᠠᠴᠠ ᠵᠦᠷᠢᠴᠡᠵᠦ ᠰᠢᠳᠠᠮᠠᠬᠠᠢ ᠳᠡᠰᠦᠷᠡᠮᠡᠬᠡᠢ᠂ ᠬᠤᠤᠷ᠎ᠠ ᠲᠠᠢ | ᠪᠤᠳᠠᠰ ᠢ ᠬᠠᠳᠠᠭᠠᠯᠠᠬᠤ᠂ ᠬᠤᠤᠷ᠎ᠠ ᠬᠦᠨᠦᠭᠡᠯ ᠲᠠᠢ ᠬᠡᠢ ᠪᠠ ᠬᠠᠶᠠᠬᠳᠠᠮᠠᠯ ᠪᠤᠳᠠᠰ ᠢ ᠲᠠᠯᠪᠢᠵᠤ ᠭᠠᠷᠭᠠᠬᠤ᠂ | ᠳᠤᠬᠳᠠᠬᠰᠠᠨ ᠪᠠᠷᠢᠮᠵᠢᠶ᠎ᠠ ᠠᠴᠠ ᠬᠡᠲᠦᠷᠡᠭᠰᠡᠨ ᠱᠤᠤᠬᠢᠶᠠᠨ ᠡᠬᠦᠰᠭᠡᠬᠦ︔ | ︵ᠠᠷᠪᠠᠨ ᠨᠢᠬᠡ︶ ᠠᠳᠠᠯ ᠠᠬᠤᠢ ᠶᠢ ᠠᠰᠢᠬᠯᠠᠵᠤ ᠤᠯᠠᠨ ᠨᠡᠶᠢᠳᠡ ᠶᠢᠨ ᠠᠰᠢᠬ ᠳᠤᠰᠠ ᠶᠢ ᠬᠤᠬᠢᠷᠠᠭᠤᠯᠬᠤ | ᠪᠠ ᠪᠤᠰᠤᠳ ᠤᠨ ᠬᠠᠤᠯᠢ ᠶᠤᠰᠤᠨ ᠤ ᠡᠷᠭᠡ ᠠᠰᠢᠬ ᠢ ᠬᠤᠬᠢᠷᠠᠭᠤᠯᠬᠤ ᠠᠵᠢᠯᠯᠠᠭ᠎ᠠ ᠡᠷᠬᠢᠯᠡᠬᠦ︔ | ︵ᠠᠷᠪᠠᠨ ᠬᠤᠶᠠᠷ︶ ᠬᠠᠤᠯᠢ ᠴᠠᠭᠠᠵᠠ᠂ ᠬᠠᠤᠯᠢ ᠳᠤᠬᠳᠠᠭᠠᠯ ᠪᠠ ᠬᠠᠮᠢᠶᠠᠷᠤᠯᠳᠠ ᠶᠢᠨ ᠭᠡᠷ᠎ᠡ ᠳᠤᠬᠳᠠᠭᠠᠯ ᠳᠤ | ᠴᠠᠭᠠᠵᠠᠯᠠᠬᠰᠠᠨ ᠪᠤᠰᠤᠳ ᠠᠵᠢᠯᠯᠠᠭ᠎ᠠ᠃ | ᠲᠦᠴᠢᠨ ᠲᠠᠪᠤᠳᠤᠭᠠᠷ ᠵᠦᠢᠯ ᠤᠰᠤ ᠬᠠᠨᠭ᠍ᠭᠠᠬᠤ᠂ ᠴᠠᠬᠢᠯᠭᠠᠨ ᠬᠠᠨᠭ᠍ᠭᠠᠬᠤ᠂ ᠢᠯᠴᠢ ᠬᠠᠨᠭ᠍ᠭᠠᠬᠤ᠂ ᠬᠡᠢ | ᠬᠠᠨᠭ᠍ᠭᠠᠬᠤ᠂ ᠴᠢᠮᠡᠭᠡ ᠬᠤᠯᠪᠣᠭ᠎ᠠ᠂ ᠤᠳᠠᠰᠤᠳᠤ ᠲᠧᠯᠸᠢᠰ ᠵᠡᠷᠭᠡ ᠨᠢᠭᠡᠴᠠ᠂ ᠠᠳᠠᠯ ᠠᠬᠤᠢ ᠶᠢᠨ ᠬᠠᠮᠢᠶᠠᠷᠤᠯᠳᠠ ᠶᠢᠨ | ᠤᠷᠤᠨ ᠤ ᠳᠤᠲᠤᠷᠠᠬᠢ ᠬᠤᠯᠪᠤᠬᠳᠠᠯ ᠪᠦᠬᠦᠢ ᠬᠤᠭᠤᠯᠠᠢ ᠤᠳᠠᠰᠤ ᠪᠠ ᠪᠡᠯᠡᠳᠭᠡᠯ ᠲᠦᠭᠦᠭᠡᠷᠦᠮᠵᠢ ᠶᠢ ᠰᠡᠯᠪᠢᠨ | ᠵᠠᠰᠠᠵᠤ᠂ ᠠᠷᠠᠴᠢᠯᠠᠨ ᠬᠠᠮᠠᠭᠠᠯᠠᠬᠤ ᠬᠠᠷᠢᠭᠤᠴᠠᠯᠭ᠎ᠠ ᠶᠢ ᠬᠠᠤᠯᠢ ᠶᠤᠰᠤᠭᠠᠷ ᠡᠭᠦᠷᠭᠡᠯᠡᠬᠦ ᠭᠡᠷᠡᠭᠲᠡᠢ᠃ | ᠡᠮᠦᠨ᠎ᠡ ᠪᠠᠳᠠᠬ ᠲᠤ ᠳᠤᠬᠳᠠᠭᠠᠬᠰᠠᠨ ᠨᠢᠭᠡᠴᠠ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠵᠡᠷᠭᠡ ᠬᠡᠷᠡᠭᠴᠡᠭᠡ | ᠠᠴᠠ ᠪᠤᠯᠵᠤ᠂ ᠵᠠᠮ᠂ ᠳᠠᠯᠠᠪᠤᠷ ᠢ ᠲᠦᠷ ᠴᠠᠬ ᠡᠵᠡᠯᠡᠵᠦ᠂ ᠮᠠᠯᠳᠠᠬᠤ ᠴᠢᠬᠤᠯᠠ ᠲᠠᠢ ᠪᠤᠯ ᠴᠠᠬ ᠳᠤᠬᠠᠢ ᠳᠤᠨᠢ | ᠤᠤᠯ ᠪᠠᠶᠢᠳᠠᠯ ᠢ ᠨᠢ ᠰᠡᠷᠭᠦᠭᠡᠵᠦ ᠦᠭᠬᠦ ᠬᠡᠷᠡᠭᠲᠡᠢ᠃ | ᠲᠦᠴᠢᠨ ᠵᠢᠷᠭᠤᠳᠤᠭᠠᠷ ᠵᠦᠢᠯ ᠤᠷᠤᠨ ᠰᠠᠭᠤᠴᠠ ᠶᠢᠨ ᠠᠳᠠᠯ ᠠᠬᠤᠢ᠂ ᠤᠷᠤᠨ ᠰᠠᠭᠤᠴᠠ ᠶᠢᠨ | ᠳᠤᠭᠤᠷᠢᠬ ᠤᠨ ᠤᠷᠤᠨ ᠰᠠᠭᠤᠴᠠ ᠶᠢᠨ ᠪᠤᠰᠤ ᠠᠳᠠᠯ ᠠᠬᠤᠢ ᠪᠤᠶᠤ ᠳᠠᠩ ᠰᠠᠭᠤᠷᠢ ᠤᠷᠤᠨ ᠰᠠᠭᠤᠴᠠ ᠶᠢᠨ ᠠᠰᠠᠷ | ᠲᠠᠢ ᠪᠦᠲᠦᠴᠡ ᠨᠢ ᠵᠠᠯᠭᠠᠯᠳᠤᠬᠰᠠᠨ ᠤᠷᠤᠨ ᠰᠠᠭᠤᠴᠠ ᠶᠢᠨ ᠪᠤᠰᠤ ᠠᠳᠠᠯ ᠠᠬᠤᠢ ᠶᠢᠨ ᠦᠮᠴᠢᠳᠡᠨ᠂ ᠤᠯᠤᠰ ᠤᠨ | ᠬᠤᠯᠪᠤᠬᠳᠠᠯ ᠪᠦᠬᠦᠢ ᠳᠤᠬᠳᠠᠭᠠᠯ ᠶᠤᠰᠤᠭᠠᠷ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠳᠤᠰᠢᠶᠠᠬᠤ | ᠬᠡᠷᠡᠭᠲᠡᠢ᠃ | ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠨᠢ ᠦᠮᠴᠢᠳᠡᠨ ᠳᠤ ᠦᠮᠴᠢᠯᠡᠭᠳᠡᠨ᠎ᠡ᠂ ᠠᠰᠠᠷ ᠠᠰᠠᠷ | ᠢᠶᠠᠷ ᠨᠢ ᠳᠠᠩᠰᠠ ᠪᠠᠶᠢᠭᠤᠯᠵᠤ᠂ ᠳᠤᠰᠬᠠᠢ ᠡᠷᠦᠬᠡ ᠪᠠᠷ ᠬᠠᠳᠠᠭᠠᠯᠠᠨ᠂ ᠡᠷᠦᠬᠡ ᠪᠠᠷ ᠬᠢᠨᠡᠨ ᠪᠤᠳᠤᠵᠤ᠂ ᠠᠳᠠᠯ ᠠᠬᠤᠢ | ᠶᠢᠨ ᠰᠡᠯᠪᠢᠨ ᠵᠠᠰᠠᠬᠤ ᠪᠠᠳᠤᠯᠠᠭ᠎ᠠ ᠶᠢᠨ ᠬᠤᠭᠤᠴᠠᠭ᠎ᠠ ᠳᠠᠭᠤᠰᠤᠬᠰᠠᠨ ᠤ ᠳᠠᠷᠠᠭ᠎ᠠ᠂ ᠠᠳᠠᠯ ᠠᠬᠤᠢ ᠶᠢᠨ ᠨᠡᠶᠢᠳᠡ | ᠶᠢᠨ ᠬᠡᠷᠡᠭᠯᠡᠭᠡᠨ ᠤ ᠬᠡᠰᠡᠭ᠂ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢ ᠰᠡᠯᠪᠢᠨ ᠵᠠᠰᠠᠬᠤ ᠪᠠ | ᠰᠢᠨᠡᠴᠢᠯᠡᠬᠦ ᠦᠭᠡᠷᠡᠴᠢᠯᠡᠬᠦ ᠳᠤ ᠳᠤᠰᠬᠠᠢ ᠵᠦᠢᠯ ᠢᠶᠠᠷ ᠬᠡᠷᠡᠭᠯᠡᠨ᠎ᠡ᠂ ᠪᠤᠰᠤᠳ ᠭᠠᠵᠠᠷ ᠲᠤ ᠰᠢᠯᠵᠢᠭᠦᠯᠦᠨ ᠬᠡᠷᠡᠭᠯᠡᠵᠦ | ᠪᠤᠯᠬᠤ ᠦᠬᠡᠢ᠃ | ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ ᠬᠤᠷᠢᠶᠡᠬᠤ ᠬᠠᠮᠢᠶᠠᠷᠬᠤ ᠪᠠ ᠬᠡᠷᠡᠭᠯᠡᠬᠦ ᠳᠤ ᠤᠯᠤᠰ | ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ ᠳᠤᠬᠳᠠᠭᠠᠯ ᠢ ᠬᠡᠷᠡᠭᠵᠢᠭᠦᠯᠦᠨ᠎ᠡ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢᠨ ᠳᠤᠯᠤᠳᠤᠭᠠᠷ ᠵᠦᠢᠯ ᠳᠤᠰ ᠳᠦᠷᠢᠮ ᠤᠨ ᠳᠤᠬᠳᠠᠭᠠᠯ ᠠᠴᠠ ᠵᠦᠷᠢᠴᠡᠵᠦ᠂ ᠤᠷᠤᠨ ᠰᠠᠭᠤᠴᠠ ᠶᠢᠨ | ᠠᠳᠠᠯ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠨᠢᠭᠡᠴᠠ ᠳᠠᠭᠠᠭᠠᠴᠢᠯᠠᠯᠳᠠ ᠵᠠᠷᠯᠠᠵᠤ᠂ ᠳᠠᠭᠠᠭᠠᠴᠢᠯᠠᠯᠳᠠ | ᠬᠦᠯᠢᠶᠡᠬᠦ ᠠᠷᠭ᠎ᠠ ᠶᠢ ᠳᠠᠮᠵᠢᠬᠰᠠᠨ ᠦᠭᠡᠢ ᠪᠠᠷ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠢ | ᠰᠤᠩᠭᠤᠨ ᠤᠷᠢᠬᠰᠠᠨ ᠪᠠᠶᠢᠪᠠᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ | ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ ᠰᠡᠷᠡᠮᠵᠢ ᠦᠭᠬᠦ ᠶᠢᠨ ᠬᠠᠮᠲᠤ 5 ᠲᠦᠮᠡᠨ ᠲᠦᠭᠦᠷᠢᠭ | ᠠᠴᠠ ᠳᠡᠭᠡᠭᠰᠢ 10 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠵᠤ ᠪᠤᠯᠤᠨ᠎ᠠ︔ ᠵᠦᠪᠰᠢᠶᠡᠷᠡᠯ ᠢ | ᠳᠠᠮᠵᠢᠬᠰᠠᠨ ᠦᠭᠡᠢ ᠪᠠᠷ ᠳᠤᠷ᠎ᠠ ᠪᠠᠷ ᠢᠶᠠᠨ ᠬᠡᠯᠡᠯᠴᠡᠭᠡᠷ ᠤᠨ ᠠᠷᠭ᠎ᠠ ᠶᠢ ᠬᠡᠷᠡᠭᠯᠡᠵᠦ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠢ ᠰᠤᠩᠭᠤᠨ ᠤᠷᠢᠬᠰᠠᠨ ᠪᠠᠶᠢᠪᠠᠯ ᠬᠤᠰᠢᠭᠤ ᠰᠢᠶᠠᠨ ᠤ ᠱᠠᠳᠣᠨ ᠠᠴᠠ | ᠳᠡᠭᠡᠭᠰᠢᠬᠢ ᠠᠷᠠᠳ ᠤᠨ ᠵᠠᠰᠠᠬ ᠤᠨ ᠤᠷᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ | ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠵᠤ᠂ ᠰᠡᠷᠡᠮᠵᠢ ᠦᠭᠬᠦ ᠶᠢᠨ | ᠬᠠᠮᠲᠤ 1 ᠲᠦᠮᠡᠨ ᠲᠦᠭᠦᠷᠢᠭ ᠠᠴᠠ ᠳᠡᠭᠡᠭᠰᠢ 5 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠵᠤ | ᠪᠤᠯᠤᠨ᠎ᠠ᠃ | ᠲᠦᠴᠢᠨ ᠨᠠᠢᠮᠠᠳᠤᠭᠠᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠬᠢᠷᠢ ᠭᠡᠮ ᠤᠨ ᠦᠨᠡᠮᠯᠡᠯ | ᠤᠯᠤᠬᠰᠠᠨ ᠦᠭᠡᠢ ᠪᠠᠷ ᠠᠳᠠᠯ ᠠᠬᠤᠢ ᠶᠢᠨ ᠬᠠᠮᠢᠶᠠᠷᠤᠯᠳᠠ ᠡᠷᠬᠢᠯᠡᠭᠰᠡᠨ ᠪᠠᠶᠢᠪᠠᠯ ᠬᠤᠰᠢᠭᠤ ᠰᠢᠶᠠᠨ ᠤ ᠱᠠᠳᠤᠨ | ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠬᠤ ᠶᠢᠨ ᠬᠠᠮᠳᠤ | 5 ᠲᠦᠮᠡᠨ ᠲᠦᠭᠦᠷᠢᠭ ᠠᠴᠠ ᠳᠡᠭᠡᠭᠰᠢ 20 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠨ᠎ᠠ︔ | ᠦᠮᠴᠢᠳᠡᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ | ᠡᠭᠦᠷᠭᠡᠯᠡᠨ᠎ᠡ᠃ | ᠮᠡᠬᠡᠯᠡᠬᠦ ᠠᠷᠭ᠎ᠠ ᠪᠠᠷ ᠬᠢᠷᠢ ᠭᠡᠮ ᠤᠨ ᠦᠨᠡᠮᠯᠡᠯ ᠤᠯᠤᠬᠰᠠᠨ ᠪᠠᠶᠢᠪᠠᠯ ᠳᠤᠰ ᠵᠦᠢᠯ ᠤᠨ ᠨᠢᠭᠡᠳᠦᠭᠡᠷ ᠪᠠᠳᠠᠬ ᠤᠨ | ᠳᠤᠭᠳᠠᠭᠠᠯ ᠶᠤᠰᠤᠭᠠᠷ ᠰᠢᠳᠭᠡᠨ ᠳᠤᠷᠭᠠᠬᠤ ᠶᠢᠨ ᠬᠠᠮᠳᠤ ᠬᠢᠷᠢ ᠭᠡᠮ ᠤᠨ ᠦᠨᠡᠮᠯᠠᠯ ᠤᠯᠭᠤᠬᠰᠠᠨ ᠰᠠᠯᠠᠭ᠎ᠠ ᠮᠦᠴᠢᠷ | ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ᠃ | ᠲᠦᠴᠢ ᠶᠢᠰᠦᠳᠦᠭᠡᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠨᠢᠭᠡ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠲᠤᠳᠤᠷᠠᠬᠢ ᠪᠦᠬᠦ | ᠠᠳᠠᠯ ᠠᠬᠤᠢ ᠶᠢᠨ ᠬᠠᠮᠢᠶᠠᠷᠤᠯᠳᠠ ᠶᠢ ᠵᠡᠷᠭᠡ ᠪᠠᠷ ᠨᠢ ᠪᠤᠰᠤᠳ ᠲᠤ ᠨᠠᠶᠢᠳᠠᠬᠰᠠᠨ ᠪᠠᠶᠢᠪᠠᠯ ᠬᠤᠰᠢᠭᠤ ᠰᠢᠶᠠᠨ ᠤ | ᠱᠠᠳᠤᠨ ᠠᠴᠠ ᠳᠡᠭᠡᠭᠰᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ | ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ ᠬᠠᠮᠳᠤ | ᠨᠠᠶᠢᠳᠠᠯᠭ᠎ᠠ ᠶᠢᠨ ᠭᠡᠷ᠎ᠡ ᠳᠠᠬᠢ ᠦᠨ᠎ᠠ ᠬᠠᠨᠭ᠍ᠰᠢ ᠶᠢᠨ 30% ᠠᠴᠠ ᠳᠡᠭᠡᠭᠰᠢ 50% ᠠᠴᠠ ᠳᠤᠷᠤᠬᠰᠢ ᠵᠤᠭᠤᠰ | ᠢᠶᠠᠷ ᠳᠤᠷᠭᠠᠨ᠎ᠠ︔ ᠪᠠᠶᠢᠳᠠᠯ ᠨᠢ ᠬᠦᠨᠲᠦ ᠨᠤᠴᠢᠲᠠᠢ ᠪᠤᠯ ᠬᠢᠷᠢ ᠭᠡᠮ ᠤᠨ ᠦᠨᠡᠮᠯᠠᠯ ᠤᠯᠭᠤᠬᠰᠠᠨ ᠰᠠᠯᠠᠭ᠎ᠠ ᠮᠦᠴᠢᠷ | ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ᠃ ᠨᠠᠶᠢᠳᠠᠯᠭ᠎ᠠ ᠠᠴᠠ ᠤᠯᠤᠬᠰᠠᠨ ᠠᠰᠢᠬ ᠢ | ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠳᠠᠬᠢ ᠠᠳᠠᠯ ᠠᠬᠤᠢ ᠶᠢᠨ ᠨᠡᠶᠢᠳᠡ ᠶᠢᠨ ᠬᠡᠷᠡᠭᠯᠡᠭᠡᠨ ᠤ ᠬᠡᠰᠡᠭ᠂ | ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠶᠢ ᠰᠡᠯᠪᠢᠨ ᠵᠠᠰᠠᠬᠤ᠂ ᠠᠷᠠᠴᠢᠯᠠᠨ ᠬᠠᠮᠠᠭᠠᠯᠠᠬᠤ ᠳᠤ | ᠬᠡᠷᠡᠭᠯᠡᠨ᠎ᠡ᠂ ᠦᠯᠡᠳᠡᠭᠰᠡᠨ ᠬᠡᠰᠡᠭ ᠢ ᠨᠢ ᠦᠮᠴᠢᠳᠡᠳ ᠤᠨ ᠶᠡᠭᠡ ᠬᠤᠷᠠᠯ ᠤᠨ ᠳᠤᠬᠳᠠᠭᠠᠯ ᠶᠤᠰᠤᠭᠠᠷ ᠬᠡᠷᠡᠭᠯᠡᠨ᠎ᠡ︔ | ᠦᠮᠴᠢᠳᠡᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ | ᠡᠭᠦᠷᠭᠡᠯᠡᠨ᠎ᠡ᠃ | ᠲᠠᠪᠢᠳᠤᠭᠠᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢᠨ | ᠦᠢᠯᠡᠴᠢᠯᠡᠭᠡᠨ ᠤ ᠭᠡᠷ᠎ᠡ ᠳᠤᠬᠳᠠᠭᠠᠯ ᠢ ᠬᠡᠷᠡᠭᠵᠢᠭᠦᠯᠦᠭᠰᠡᠨ ᠦᠭᠡᠢ ᠠᠴᠠ ᠦᠮᠴᠢᠳᠡᠨ ᠤ ᠪᠡᠶ᠎ᠡ ᠮᠠᠬᠠᠪᠤᠳ᠂ ᠡᠳ᠋ | ᠬᠦᠷᠦᠩᠭᠡ ᠶᠢᠨ ᠠᠮᠤᠷ ᠲᠦᠪᠰᠢᠨ ᠳᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠵᠤᠬᠢᠴᠠᠩᠭᠤᠢ | ᠬᠠᠤᠯᠢ ᠴᠠᠭᠠᠵᠠ ᠶᠢᠨ ᠬᠠᠷᠢᠭᠤᠴᠠᠯᠭ᠎ᠠ ᠡᠭᠦᠷᠭᠡᠯᠡᠨ᠎ᠡ᠃ | ᠲᠠᠪᠢᠨ ᠨᠢᠭᠡᠳᠦᠭᠡᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠡᠵᠦ᠂ ᠳᠤᠰᠬᠠᠢ ᠵᠦᠢᠯ ᠤᠨ ᠰᠡᠯᠪᠢᠨ | ᠵᠠᠰᠠᠬᠤ ᠪᠡᠯᠡ ᠮᠦᠡᠭᠬᠦ ᠶᠢ ᠰᠢᠯᠵᠢᠬᠦᠯᠦᠨ ᠬᠡᠷᠡᠭᠯᠡᠭᠰᠡᠨ ᠪᠠᠶᠢᠪᠠᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ | ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠷᠠᠷᠬᠤ | ᠰᠠᠯᠠᠭ᠎ᠠ ᠮᠦᠴᠢᠷ ᠠᠴᠠ ᠰᠢᠯᠵᠢᠬᠦᠯᠦᠨ ᠬᠡᠷᠡᠭᠯᠡᠭᠰᠡᠨ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ ᠮᠦᠡᠭᠬᠦ ᠶᠢ | ᠨᠡᠬᠡᠮᠵᠢᠯᠡᠨ ᠠᠪᠴᠢᠷᠠᠬᠤ ᠶᠢᠨ ᠬᠠᠮᠳᠤ ᠰᠡᠷᠡᠮᠵᠢ ᠦᠭᠴᠦ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠮᠵᠢᠯᠠᠬᠤ ᠶᠢᠨ | ᠬᠠᠮᠳᠤ᠂ ᠰᠢᠯᠵᠢᠬᠦᠯᠦᠨ ᠬᠡᠷᠡᠭᠯᠡᠭᠰᠡᠨ ᠳᠤᠭ᠎ᠠ ᠶᠢᠨ ᠬᠤᠶᠠᠷ ᠳᠠᠬᠢᠨ ᠠᠴᠠ ᠳᠤᠷᠤᠬᠰᠢ ᠵᠤᠭᠤᠰ ᠢᠶᠠᠷ ᠳᠤᠷᠭᠠᠵᠤ | ᠪᠤᠯᠤᠨ᠎ᠠ︔ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠢᠢᠯᠠᠯ ᠳᠤᠰᠬᠠᠢ ᠵᠦᠢᠯ ᠤᠨ ᠰᠡᠯᠪᠢᠨ ᠵᠠᠰᠠᠬᠤ ᠪᠡᠯᠡ | ᠮᠦᠡᠭᠬᠦ ᠶᠢ ᠰᠢᠯᠵᠢᠬᠦᠯᠦᠨ ᠬᠡᠷᠡᠭᠯᠡᠭᠰᠡᠨ ᠪᠦᠭᠡᠳ ᠦᠢᠯᠡ ᠪᠠᠶᠢᠳᠠᠯ ᠨᠢ ᠬᠦᠨᠳᠤ ᠨᠤᠴᠢᠳᠠᠢ ᠪᠤᠯ ᠬᠢᠷᠢ ᠭᠡᠮ ᠤᠨ | ᠦᠨᠡᠮᠯᠡᠯ ᠤᠯᠭᠤᠬᠰᠠᠨ ᠰᠠᠯᠠᠭ᠎ᠠ ᠮᠦᠴᠢᠷ ᠠᠴᠠ ᠬᠢᠷᠢ ᠭᠡᠮ ᠤᠨ ᠦᠨᠡᠮᠯᠡᠯ ᠢ ᠨᠢ ᠬᠦᠴᠦᠨ ᠦᠭᠡᠢ ᠪᠤᠯᠭᠠᠨ᠎ᠠ︔ | ᠶᠠᠯ᠎ᠠ ᠳᠤ ᠬᠦᠷᠦᠭᠰᠡᠨ ᠪᠠᠶᠢᠪᠠᠯ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ ᠬᠠᠮᠢᠶᠠᠷᠤᠬᠴᠢ ᠪᠠ ᠪᠤᠰᠤᠳ ᠰᠢᠭᠤᠳ | ᠬᠠᠷᠢᠭᠤᠴᠠᠯᠭ᠎ᠠ ᠲᠠᠢ ᠬᠦᠮᠦᠨ ᠠᠴᠠ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠲᠠᠪᠢᠨ ᠬᠤᠶᠠᠳᠤᠭᠠᠷ ᠵᠦᠢᠯ ᠳᠤᠰ ᠲᠦᠷᠢᠮ ᠤᠨ ᠳᠤᠬᠳᠠᠭᠠᠯ ᠠᠴᠠ ᠵᠦᠷᠢᠴᠠᠵᠦ᠂ ᠪᠦᠲᠦᠭᠡᠨ ᠪᠠᠶᠢᠭᠤᠯᠤᠭᠰᠠᠨ | ᠨᠢᠭᠡᠴᠠ ᠠᠳᠠᠯ ᠠᠬᠤᠢ ᠶᠢᠨ ᠬᠠᠮᠢᠶᠠᠷᠤᠯᠳᠠ ᠶᠢᠨ ᠤᠷᠤᠨ ᠤ ᠳᠤᠲᠤᠷ᠎ᠠ ᠠᠳᠠᠯ ᠠᠬᠤᠢ ᠶᠢᠨ ᠬᠠᠮᠢᠶᠠᠷᠤᠯᠳᠠ ᠳᠤ | ᠭᠡᠷᠡᠭᠯᠡᠬᠦ ᠴᠢᠬᠤᠯᠠ ᠪᠦᠬᠦᠢ ᠭᠡᠷ᠎ᠡ ᠶᠢ ᠳᠤᠬᠳᠠᠭᠠᠯ ᠶᠤᠰᠤᠭᠠᠷ ᠳᠤᠬᠢᠷᠠᠭᠤᠯᠤᠬᠰᠠᠨ ᠦᠭᠡᠢ ᠪᠤᠯ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠬᠡ ᠶᠢᠨ ᠵᠠᠰᠠᠬ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠵᠠᠷᠯᠢᠬᠳᠠᠵᠤ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ | ᠶᠢᠨ ᠬᠠᠮᠳᠤ ᠰᠡᠷᠡᠮᠵᠢ ᠦᠭᠭᠦᠨ᠎ᠡ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠮᠵᠢᠯᠠᠬᠤ ᠶᠢᠨ ᠬᠠᠮᠳᠤ 10 ᠲᠦᠮᠡᠨ | ᠲᠦᠬᠦᠷᠢᠭ ᠠᠴᠠ ᠳᠡᠭᠡᠭᠰᠢ 50 ᠲᠦᠮᠡᠨ ᠲᠦᠭᠦᠷᠢᠭ ᠠᠴᠠ ᠳᠤᠷᠤᠬᠰᠢ ᠵᠤᠭᠤᠰ ᠢᠶᠠᠷ ᠳᠤᠷᠭᠠᠨ᠎ᠠ᠃ | ᠲᠠᠪᠢᠨ ᠭᠤᠷᠪᠠᠳᠤᠭᠠᠷ ᠵᠦᠢᠯ ᠳᠤᠰ ᠲᠤᠷᠢᠮ ᠤᠨ ᠲᠦᠴᠢᠨ ᠲᠦᠷᠪᠡᠳᠦᠭᠡᠷ ᠵᠦᠢᠯ ᠤᠨ ︵ᠲᠠᠪᠤ︶᠂ ︵ | ᠳᠤᠯᠤᠭ᠎ᠠ︶᠂ ︵ᠨᠠᠢᠮᠠ︶ ᠳ᠋ᠤᠭᠠᠷ ᠵᠤᠷᠪᠤᠰ ᠤᠨ ᠳᠤᠬᠳᠠᠭᠠᠯ ᠠᠴᠠ ᠵᠦᠷᠢᠴᠡᠭᠰᠡᠨ ᠪᠠᠶᠢᠪᠠᠯ᠂ ᠬᠤᠰᠢᠭᠤ ᠰᠢᠶᠠᠨ ᠤ | ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ ᠬᠤᠯᠪᠤᠬᠳᠠᠯ ᠪᠦᠬᠦᠢ ᠵᠠᠰᠠᠬ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠰᠡᠷᠡᠮᠵᠢ ᠦᠭᠬᠦᠨ ᠬᠤᠭᠤᠴᠠᠭ᠎ᠠ ᠬᠢᠵᠠᠭᠠᠷᠯᠠᠨ ᠵᠠᠯᠠᠷᠠᠭᠤᠯᠬᠤ ᠶᠢᠨ | ᠬᠠᠮᠳᠤ ᠤᠤᠯ ᠪᠠᠶᠢᠳᠠᠯ ᠢ ᠨᠢ ᠰᠡᠷᠬᠦᠬᠡᠬᠦ ᠬᠡᠷᠡᠭᠲᠡᠢ︔ ᠬᠤᠭᠤᠴᠠᠭ᠎ᠠ ᠨᠢ ᠬᠡᠳᠦᠷᠡᠭᠰᠡᠨ ᠪᠠᠶᠢᠳᠠᠯ᠎ᠠ ᠦᠯᠦ | ᠵᠠᠯᠠᠷᠠᠭᠤᠯᠤᠬᠰᠠᠨ ᠪᠠᠶᠢᠪᠠᠯ 100 ᠲᠦᠭᠦᠷᠢᠭ ᠠᠴᠠ ᠳᠡᠭᠡᠭᠰᠢ 2000 ᠲᠦᠬᠦᠷᠢᠭ ᠠᠴᠠ ᠳᠤᠷᠤᠬᠰᠢ ᠵᠤᠭᠤᠰ ᠢᠶᠠᠷ | ᠳᠤᠷᠭᠠᠨ᠎ᠠ︔ ᠪᠤᠰᠤᠳ ᠲᠤ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ | ᠬᠠᠷᠢᠭᠤᠴᠠᠯᠭ᠎ᠠ ᠡᠭᠦᠷᠭᠡᠯᠡᠨ᠎ᠡ︔ ᠳᠤᠰ ᠵᠦᠢᠯ ᠤᠨ ᠪᠤᠰᠤᠳ ᠳᠤᠬᠳᠠᠭᠠᠯ ᠢ ᠵᠦᠷᠢᠴᠡᠭᠰᠡᠨ ᠪᠠᠶᠢᠪᠠᠯ ᠬᠤᠯᠪᠤᠬᠳᠠᠯ | ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠤᠯᠪᠤᠬᠳᠠᠯ ᠪᠦᠬᠦᠢ ᠬᠠᠤᠯᠢ ᠴᠠᠭᠠᠵᠠ᠂ | ᠬᠠᠤᠯᠢ ᠳᠤᠬᠳᠠᠭᠠᠯ ᠤᠨ ᠳᠤᠬᠳᠠᠭᠠᠯ ᠶᠤᠰᠤᠭᠠᠷ ᠰᠢᠳᠭᠡᠨ ᠳᠤᠷᠭᠠᠨ᠎ᠠ᠃ | ᠲᠠᠪᠢᠨ ᠲᠦᠷᠪᠡᠲᠦᠭᠡᠷ ᠵᠦᠢᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠳᠤᠬᠳᠠᠭᠠᠯ ᠠᠴᠠ ᠵᠦᠷᠢᠴᠡᠵᠦ᠂ | ᠬᠤᠭᠤᠴᠠᠭ᠎ᠠ ᠨᠢ ᠬᠡᠲᠦᠷᠡᠭᠰᠡᠨ ᠪᠠᠶᠢᠳᠠᠯ᠎ᠠ ᠦᠮᠴᠢᠳᠡᠨ ᠠᠳᠠᠯ ᠠᠬᠤᠢ ᠶᠢᠨ ᠦᠢᠯᠡᠴᠢᠯᠡᠭᠡᠨ ᠤ ᠰᠦᠢᠳᠭᠡᠯ ᠢᠶᠠᠨ | ᠳᠤᠰᠢᠶᠠᠬᠰᠠᠨ ᠦᠭᠡᠢ ᠪᠦᠭᠡᠳ ᠦᠮᠴᠢᠳᠡᠨ ᠤ ᠵᠦᠪᠯᠡᠯ ᠠᠴᠠ ᠬᠤᠭᠤᠴᠠᠭ᠎ᠠ ᠬᠢᠵᠠᠭᠠᠷᠯᠠᠨ ᠳᠤᠰᠢᠶᠠᠯᠭᠠᠬᠤ ᠪᠠᠷ | ᠱᠠᠭᠠᠷᠳᠠᠭᠠᠳ ᠮᠦᠨ ᠬᠦ ᠦᠯᠦ ᠳᠤᠰᠢᠶᠠᠬᠰᠠᠨ ᠪᠠᠶᠢᠪᠠᠯ ᠠᠳᠠᠯ ᠠᠬᠤᠢ ᠶᠢᠨ ᠬᠠᠮᠢᠶᠠᠷᠤᠯᠳᠠ ᠶᠢᠨ ᠠᠵᠤ ᠠᠬᠤᠢᠢᠯᠠᠯ | ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠤ ᠪᠤᠯᠤᠨ᠎ᠠ᠃ | ᠲᠠᠪᠢᠨ ᠲᠠᠪᠤᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠳᠡᠭᠡᠭᠰᠢᠬᠢ ᠠᠷᠠᠳ ᠤᠨ ᠵᠠᠰᠠᠬ ᠤᠨ | ᠤᠷᠳᠤᠨ ᠤ ᠭᠡᠷ ᠭᠠᠵᠠᠷ ᠤᠨ ᠬᠦᠷᠦᠩᠭᠡ ᠶᠢᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠪᠤᠶᠤ | ᠪᠤᠰᠤᠳ ᠬᠤᠯᠪᠤᠬᠳᠠᠯ ᠪᠦᠬᠦᠢ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠳᠡᠭᠦᠨ ᠤ | ᠠᠵᠢᠯᠳᠠᠨ ᠳᠤᠰ ᠲᠦᠷᠢᠮ ᠤᠨ ᠳᠤᠬᠳᠠᠭᠠᠯ ᠠᠴᠠ ᠵᠦᠷᠢᠴᠡᠭᠰᠡᠨ ᠪᠦᠬᠡᠳ ᠳᠤᠤᠷᠠᠬᠢ ᠨᠢᠭᠡ ᠵᠦᠢᠯ ᠤᠨ ᠠᠵᠢᠯᠯᠠᠭ᠎ᠠ | ᠲᠠᠢ ᠪᠠᠶᠢᠪᠠᠯ ᠬᠤᠯᠪᠤᠬᠳᠠᠯ ᠪᠦᠬᠦᠢ ᠰᠠᠯᠠᠭ᠎ᠠ ᠮᠦᠴᠢᠷ ᠠᠴᠠ ᠰᠢᠭᠤᠳ ᠬᠠᠷᠢᠭᠤᠴᠠᠵᠤ ᠪᠠᠶᠢᠭ᠎ᠠ ᠭᠤᠤᠯᠯᠠᠨ | ᠬᠠᠮᠢᠶᠠᠷᠤᠬᠴᠢ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠨ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ | ᠰᠢᠳᠭᠡᠯ ᠦᠭᠭᠦᠨ᠎ᠡ︔ ᠬᠤᠬᠢᠷᠠᠯ ᠤᠴᠠᠷᠠᠭᠤᠯᠤᠬᠰᠠᠨ ᠪᠠᠶᠢᠪᠠᠯ ᠬᠠᠤᠯᠢ ᠶᠤᠰᠤᠭᠠᠷ ᠲᠦᠯᠦᠭᠦᠯᠬᠦ ᠬᠠᠷᠢᠭᠤᠴᠠᠯᠭ᠎ᠠ | ᠡᠭᠦᠷᠭᠡᠯᠡᠨ᠎ᠡ︔ ᠶᠠᠯ᠎ᠠ ᠳᠤ ᠬᠦᠷᠦᠭᠰᠡᠨ ᠪᠠᠶᠢᠪᠠᠯ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠬᠢᠷᠢ ᠭᠡᠮ ᠤᠨ ᠨᠦᠬᠦᠴᠡᠯ ᠳᠤ ᠦᠯᠦ ᠬᠦᠷᠬᠦ ᠠᠵᠤ ᠠᠬᠤᠢᠢᠯᠠᠯ ᠳᠤ ᠬᠢᠷᠢ ᠭᠡᠮ ᠤᠨ ᠳᠡᠰ ᠤᠨ | ᠦᠨᠡᠮᠯᠡᠯ ᠤᠯᠭᠤᠬᠰᠠᠨ ᠪᠤᠶᠤ ᠨᠦᠬᠦᠴᠡᠯ ᠳᠤ ᠬᠦᠷᠬᠦ ᠠᠵᠤ ᠠᠬᠤᠢᠢᠯᠠᠯ ᠢ ᠬᠢᠨᠠᠨ ᠵᠦᠪᠰᠢᠶᠡᠷᠡᠬᠦ ᠭᠡᠷᠡᠭᠲᠡᠢ ᠪᠠᠶᠢᠳᠠᠯ᠎ᠠ | ᠳᠤᠬᠳᠠᠬᠰᠠᠨ ᠴᠠᠬ ᠤᠨ ᠳᠤᠲᠤᠷ᠎ᠠ ᠦᠯᠦ ᠬᠢᠨᠠᠨ ᠵᠦᠪᠰᠢᠶᠡᠷᠡᠭᠰᠡᠨ︔ | ︵ᠬᠤᠶᠠᠷ︶ ᠳᠤᠰᠢᠶᠠᠯ ᠤᠨ ᠲᠦᠭᠦᠮ ᠢᠶᠠᠨ ᠠᠰᠢᠬᠯᠠᠵᠤ᠂ ᠪᠤᠰᠤᠳ ᠠᠴᠠ ᠡᠳ᠋ ᠪᠤᠳᠠᠰ ᠪᠤᠶᠤ ᠪᠤᠰᠤᠳ | ᠠᠰᠢᠬ ᠬᠦᠷᠳᠡᠭᠰᠡᠨ︔ | ︵ᠭᠤᠷᠪᠠ︶ ᠬᠢᠨᠠᠨ ᠬᠠᠮᠢᠶᠠᠷᠬᠤ ᠳᠤᠰᠢᠶᠠᠯ ᠬᠠᠷᠢᠭᠤᠴᠠᠯᠭ᠎ᠠ ᠪᠠᠨ ᠬᠠᠤᠯᠢ ᠶᠤᠰᠤᠭᠠᠷ ᠭᠦᠢᠴᠡᠳᠭᠡᠭᠰᠡᠨ ᠦᠭᠡᠢ | ᠪᠤᠶᠤ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠮᠡᠳᠡᠬᠦ ᠪᠠᠶᠢᠳᠠᠯ᠎ᠠ ᠦᠯᠦ ᠪᠠᠶᠢᠴᠠᠭᠠᠨ ᠰᠢᠳᠭᠡᠭᠰᠡᠨ︔ | ︵ᠲᠦᠷᠪᠡ︶ ᠠᠳᠠᠯ ᠠᠬᠤᠢ ᠶᠢᠨ ᠬᠠᠮᠢᠶᠠᠷᠤᠯᠳᠠ ᠶᠢᠨ ᠵᠠᠭᠠᠯᠳᠤᠯᠭ᠎ᠠ ᠶᠢ ᠳᠤᠬᠳᠠᠭᠠᠯ ᠶᠤᠰᠤᠭᠠᠷ ᠬᠦᠯᠢᠶᠡᠨ | ᠠᠪᠴᠤ ᠰᠢᠢᠳᠪᠦᠷᠢᠯᠡᠭᠰᠡᠨ ᠦᠭᠡᠢ ᠠᠴᠠ ᠪᠤᠯᠵᠤ ᠬᠦᠨᠲᠦ ᠨᠤᠴᠢᠳᠠᠢ ᠦᠷ᠎ᠡ ᠳ᠋ᠦᠠᠭ ᠭᠠᠷᠭᠠᠬᠰᠠᠨ︔ | ︵ᠲᠠᠪᠤ︶ ᠳᠤᠰ ᠲᠦᠷᠢᠮ ᠤᠨ ᠳᠤᠬᠳᠠᠭᠠᠯ ᠠᠴᠠ ᠵᠦᠷᠢᠴᠡᠭᠰᠡᠨ ᠪᠤᠰᠤᠳ ᠠᠵᠢᠯᠯᠠᠭ᠎ᠠ᠃ | ᠳᠤᠯᠤᠳᠤᠭᠠᠷ ᠪᠦᠯᠦᠭ ᠳᠠᠭᠠᠯᠳᠤᠭᠤᠯᠤᠬᠰᠠᠨ ᠲᠦᠷᠢᠮ | ᠲᠠᠪᠢᠨ ᠵᠢᠷᠭᠤᠳᠤᠭᠠᠷ ᠵᠦᠢᠯ ᠳᠤᠰ ᠲᠦᠷᠢᠮ ᠳᠠᠬᠢ ᠳᠤᠤᠷᠠᠬᠢ ᠦᠭᠡ ᠶᠢᠨ ᠤᠳᠬ᠎ᠠ᠄ | ︵ᠨᠢᠭᠡ︶ ᠠᠳᠠᠯ ᠠᠬᠤᠢ ᠭᠡᠳᠡᠭ ᠨᠢ ᠭᠡᠷ ᠪᠠᠶᠢᠰᠢᠩ ᠵᠢᠴᠢ ᠳᠡᠬᠦᠨ ᠯᠦᠭᠡ ᠢᠵᠢ ᠪᠦᠷᠢᠳᠦᠭᠰᠡᠨ ᠪᠡᠯᠡᠳᠭᠡᠯ | ᠲᠦᠭᠦᠭᠡᠷᠦᠮᠵᠢ ᠪᠠ ᠬᠤᠯᠪᠤᠬᠳᠠᠯ ᠪᠦᠬᠦᠢ ᠳᠠᠯᠠᠪᠤᠷ ᠵᠡᠷᠭᠡ ᠶᠢ ᠵᠢᠭᠠᠨ᠎ᠠ︔ | ︵ᠬᠤᠶᠠᠷ︶ ᠠᠳᠠᠯ ᠠᠬᠤᠢ ᠶᠢᠨ ᠬᠠᠮᠢᠶᠠᠷᠤᠯᠳᠠ ᠭᠡᠳᠡᠭ ᠨᠢ ᠦᠮᠴᠢᠳᠡᠨ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠰᠤᠩᠭᠤᠨ ᠤᠷᠢᠬᠤ ᠪᠠᠷ ᠳᠠᠮᠵᠢᠭᠠᠳ᠂ ᠦᠮᠴᠢᠳᠡᠨ ᠪᠠ ᠠᠳᠠᠯ ᠠᠬᠤᠢ ᠶᠢᠨ | ᠦᠢᠯᠡᠴᠢᠯᠡᠭᠡᠨ ᠤ ᠠᠵᠤ ᠠᠬᠤᠢᠢᠯᠠᠯ ᠠᠳᠠᠯ ᠠᠬᠤᠢ ᠶᠢᠨ ᠦᠢᠯᠡᠴᠢᠯᠡᠭᠡᠨ ᠤ ᠭᠡᠷ᠎ᠡ ᠶᠢᠨ ᠳᠤᠬᠳᠠᠭᠠᠯ ᠶᠤᠰᠤᠭᠠᠷ ᠭᠡᠷ | ᠪᠠᠶᠢᠰᠢᠩ ᠵᠢᠴᠢ ᠢᠵᠢ ᠪᠦᠷᠢᠳᠦᠭᠦᠯᠬᠦ ᠪᠡᠯᠡᠳᠭᠡᠯ ᠲᠦᠬᠦᠭᠡᠷᠦᠮᠵᠢ ᠪᠠ ᠬᠤᠯᠪᠤᠬᠳᠠᠯ ᠪᠦᠬᠦᠢ ᠳᠠᠯᠠᠪᠤᠷ ᠢ ᠰᠡᠯᠪᠢᠨ | ᠵᠠᠰᠠᠬᠤ ᠪᠠ ᠠᠷᠠᠴᠢᠯᠠᠵᠤ᠂ ᠬᠠᠮᠢᠶᠠᠷᠤᠨ ᠬᠠᠮᠠᠭᠠᠯᠠᠵᠤ᠂ ᠬᠤᠯᠪᠤᠬᠳᠠᠯ ᠪᠦᠬᠦᠢ ᠤᠷᠤᠨ ᠤ ᠳᠤᠳᠤᠷᠠᠬᠢ ᠤᠷᠴᠢᠨ | ᠳᠤᠭᠤᠷᠢᠨ ᠤ ᠠᠷᠢᠭᠤᠨ ᠴᠡᠪᠡᠷ ᠪᠠ ᠤᠯᠠᠨ ᠨᠠᠶᠢᠳᠡ ᠶᠢᠨ ᠡᠮᠬᠢ ᠵᠢᠷᠣᠮ ᠢ ᠬᠠᠮᠠᠭᠠᠯᠠᠬᠤ ᠠᠵᠢᠯᠯᠠᠭ᠎ᠠ ᠶᠢ ᠵᠢᠭᠠᠨ᠎ᠠ︔ | | ︵ᠭᠤᠷᠪᠠ︶ ᠠᠳᠠᠯ ᠠᠬᠤᠢ ᠶᠢ ᠭᠡᠷᠡᠭᠯᠡᠭᠴᠢ ᠬᠦᠮᠦᠨ ᠭᠡᠳᠡᠭ ᠨᠢ ᠠᠳᠠᠯ ᠠᠬᠤᠢ ᠶᠢ ᠳᠦᠷᠢᠶᠡᠰᠦᠯᠡᠭᠴᠢ ᠪᠠ | ᠠᠳᠠᠯ ᠠᠬᠤᠢ ᠶᠢ ᠪᠤᠳᠠᠳᠠᠢ ᠭᠡᠷᠡᠭᠯᠡᠬᠦ ᠪᠤᠰᠤᠳ ᠬᠦᠮᠦᠰ ᠢ ᠵᠢᠭᠠᠨ᠎ᠠ︔ | ︵ᠲᠦᠷᠪᠡ︶ ᠭᠡᠷ ᠪᠠᠶᠢᠰᠢᠩ ᠤᠨ ᠬᠦᠨᠳᠤ ᠶᠢ ᠳᠠᠭᠠᠭᠠᠬᠤ ᠪᠦᠳᠦᠴᠡ ᠭᠡᠳᠡᠭ ᠪᠤᠯ ᠭᠡᠷ ᠪᠠᠶᠢᠰᠢᠩ ᠤᠨ | ᠰᠠᠭᠤᠷᠢ᠂ ᠠᠰᠠᠷ ᠤᠨ ᠬᠠᠪᠳᠠᠰᠤ᠂ ᠭᠡᠷ ᠤᠨ ᠤᠷᠤᠢ᠂ ᠨᠢᠷᠤᠭᠤ᠂ ᠳᠤᠯᠭᠠᠭᠤᠷᠢ᠂ ᠬᠦᠨᠳᠦ ᠶᠢ ᠳᠠᠭᠠᠭᠠᠬᠤ ᠭᠡᠷᠡᠮ | ᠵᠡᠷᠭᠡ ᠶᠢ ᠵᠢᠭᠠᠨ᠎ᠠ︔ | ︵ᠲᠠᠪᠤ︶ ᠨᠡᠶᠢᠳᠡ ᠶᠢᠨ ᠬᠡᠷᠡᠭᠯᠡᠭᠡᠨ ᠤ ᠬᠡᠰᠡᠭ ᠭᠡᠳᠡᠭ ᠨᠢ ᠦᠮᠴᠢᠳᠡᠨ ᠨᠡᠶᠢᠳᠡ ᠪᠠᠷ ᠢᠶᠠᠨ ᠬᠡᠷᠡᠭᠯᠡᠵᠦ ᠪᠠᠶᠢᠭ᠎ᠠ | ᠠᠰᠠᠷ ᠤᠨ ᠱᠠᠳᠤ᠂ ᠤᠰᠤᠨ ᠰᠢᠬᠠᠭᠤᠷ ᠤᠨ ᠳᠠᠰᠤᠬ᠂ ᠴᠠᠬᠢᠯᠭᠠᠨ ᠤ ᠭᠡᠮᠵᠢᠬᠦᠷ ᠤᠨ ᠳᠠᠰᠤᠬ᠂ ᠴᠠᠬᠢᠯᠭᠠᠨ | ᠱᠠᠳᠤᠨ ᠤ ᠳᠠᠰᠤᠬ᠂ ᠣᠳᠠᠰᠣ ᠶᠢᠨ ᠰᠠᠯᠪᠤᠷᠢ ᠤᠳᠠᠰᠤᠨ ᠤ ᠳᠠᠰᠤᠬ᠂ ᠴᠠᠬᠢᠯᠭᠠᠨ ᠱᠠᠳᠤᠨ ᠤ ᠮᠠᠰᠢᠨ ᠤ ᠭᠡᠷ᠂ | ᠬᠤᠨᠭ᠍ᠬᠢᠯ ᠤᠨ ᠨᠡᠪᠳᠡᠷᠡᠬᠦ ᠵᠠᠮ᠂ ᠡᠬᠦᠳᠡᠨ ᠲᠢᠩᠬᠢᠮ᠂ ᠳᠠᠮᠵᠢᠭᠤᠯᠬᠤ ᠳᠠᠰᠤᠬ᠂ ᠳᠤᠳᠤᠷ᠎ᠠ ᠳᠤᠭᠤᠨᠤ ᠵᠢᠴᠢ ᠭᠡᠷ | ᠪᠠᠶᠢᠰᠢᠩ ᠤᠨ ᠬᠦᠨᠳᠤ ᠶᠢ ᠳᠠᠭᠠᠭᠠᠬᠤ ᠪᠦᠳᠦᠴᠡ᠂ ᠭᠠᠳᠠᠷ ᠭᠡᠷᠡᠮ᠂ ᠬᠤᠨᠭ᠍ᠬᠢᠯ ᠤᠨ ᠭᠡᠷᠡᠮ ᠵᠡᠷᠭᠡ ᠶᠢ ᠵᠢᠭᠠᠨ᠎ᠠ︔ | ︵ᠵᠢᠷᠭᠤᠭ᠎ᠠ︶ ᠨᠡᠶᠢᠳᠡ ᠶᠢᠨ ᠬᠡᠷᠡᠭᠯᠡᠭᠡᠨ ᠤ ᠪᠡᠯᠡᠳᠭᠡᠯ ᠲᠦᠭᠦᠭᠡᠷᠦᠮᠵᠢ ᠭᠡᠳᠡᠭ ᠨᠢ ᠦᠮᠴᠢᠳᠡᠨ ᠤ ᠬᠠᠮᠳᠤ ᠪᠠᠷ | ᠬᠡᠷᠡᠭᠯᠡᠬᠦ ᠤᠰᠤ ᠭᠠᠳᠠᠬᠰᠢᠯᠠᠭᠤᠯᠬᠤ ᠬᠤᠭᠤᠯᠠᠢ᠂ ᠤᠰᠤ ᠪᠠᠭᠤᠬᠤ ᠬᠤᠭᠤᠯᠠᠢ᠂ ᠭᠡᠷᠡᠯᠳᠦᠭᠦᠯᠭᠡ ᠶᠢᠨ ᠳ᠋ᠧᠩ᠂ ᠬᠤᠬ | ᠨᠤᠪᠰᠢ ᠶᠢᠨ ᠨᠦᠬᠡ᠂ ᠠᠭᠠᠷ ᠤᠳᠠᠰᠤ᠂ ᠤᠰᠤᠨ ᠬᠠᠶᠢᠷᠴᠠᠬ᠂ ᠤᠰᠤᠨ ᠰᠢᠬᠠᠭᠤᠷ᠂ ᠴᠠᠬᠢᠯᠭᠠᠨ ᠱᠠᠳᠤ᠂ | ᠠᠶᠤᠩᠭ᠎ᠠ ᠰᠠᠷᠨᠢᠭᠤᠯᠬᠤ ᠳᠤᠨᠤᠬᠯᠠᠯ᠂ ᠭᠠᠯ ᠰᠡᠷᠭᠡᠶᠢᠯᠡᠬᠦ ᠪᠡᠯᠡᠳᠭᠡᠮᠵᠢ ᠵᠢᠴᠢ ᠵᠠᠮ᠂ ᠵᠤᠭᠤᠷᠢ᠂ ᠪᠠᠭᠠᠰᠤᠨ ᠵᠤᠭᠤᠷᠢ᠂ | ᠬᠤᠬ ᠨᠤᠪᠰᠢ ᠬᠠᠶᠠᠬᠳᠠᠮᠠᠯ ᠪᠤᠳᠠᠰ ᠢ ᠬᠠᠳᠠᠭᠠᠯᠠᠬᠤ ᠲᠦᠬᠦᠭᠡᠷᠦᠮᠵᠢ᠂ ᠨᠤᠭᠤᠭᠠᠷᠠᠭᠤᠯᠤᠭᠰᠠᠨ ᠭᠠᠵᠠᠷ ᠵᠡᠷᠭᠡ ᠶᠢ | ᠵᠢᠭᠠᠨ᠎ᠠ᠃ | ᠲᠠᠪᠢᠨ ᠳᠤᠯᠤᠳᠤᠭᠠᠷ ᠵᠦᠢᠯ ᠳᠤᠰ ᠲᠦᠷᠢᠮ ᠢ 2008 ᠤᠨ ᠤ 12 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠬᠦᠯᠦᠨ᠎ᠡ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |