| | | ︵2007 ᠤᠨ ᠤ 11 ᠰᠠᠷ᠎ᠠ ᠶᠢᠨ 30 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠨ ᠨᠢᠭᠡᠳᠦᠭᠡᠷ ᠬᠤᠷᠠᠯ ᠠᠴᠠ ᠪᠠᠳᠤᠯᠠᠪᠠ︶ | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠵᠡᠷ | ᠲᠠᠪᠢᠨ ᠭᠤᠷᠪᠠᠳᠤᠭᠠᠷ ᠳᠣᠭᠠᠳᠣ | 2007 ᠤᠨ ᠤ 11 ᠰᠠᠷ᠎ᠠ ᠶᠢᠨ 30 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ | ᠠᠷᠪᠡᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠭᠤᠴᠢᠨ ᠨᠢᠭᠡᠳᠦᠭᠡᠷ ᠬᠤᠷᠠᠯ ᠠᠴᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ | ᠵᠠᠬ᠎ᠠ ᠲᠡᠯᠭᠡᠭᠦᠷ ᠤᠨ ᠲᠦᠷᠢᠮ︾ ᠢ ᠪᠠᠳᠤᠯᠠᠪᠠ᠂ ᠤᠳᠤ ᠨᠡᠶᠢᠳᠡᠯᠡᠶ᠎ᠠ᠂ 2008 ᠤᠨ ᠤ 2 ᠰᠠᠷ᠎ᠠ ᠶᠢᠨ 1 ᠤ | ᠡᠳᠦᠷ ᠠᠴᠠ ᠡᠬᠢᠯᠡᠨ ᠬᠡᠷᠡᠭᠵᠢᠬᠦᠯᠳᠦᠬᠡᠢ᠃ 2000 ᠤᠨ ᠤ 12 ᠰᠠᠷ᠎ᠠ ᠶᠢᠨ 12 ᠤᠨ ᠡᠳᠦᠷ ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠡᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠳᠤᠭᠠᠷ ᠬᠤᠷᠠᠯ ᠠᠴᠠ ᠪᠠᠳᠤᠯᠠᠭᠰᠠᠨ ︽ᠦᠪᠦᠷ | ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠬᠠᠮᠢᠶᠠᠷᠤᠯᠳᠠ ᠶᠢᠨ ᠲᠦᠷᠢᠮ | ︾ ᠢ ᠬᠠᠮᠳᠤ ᠳᠤᠨᠢ ᠬᠦᠴᠦᠨ ᠦᠬᠡᠢ ᠪᠤᠯᠭᠠᠨ᠎ᠠ᠃ | 2007 ᠤᠨ ᠤ 11 ᠰᠠᠷ᠎ᠠ ᠶᠢᠨ 30 ᠤ ᠡᠳᠦᠷ | | ᠨᠢᠬᠡᠳᠦᠭᠡᠷ ᠪᠦᠯᠦᠭ ᠶᠡᠷᠦᠩᠬᠡᠢ ᠲᠦᠷᠢᠮ | ᠨᠢᠬᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠡᠮᠬᠢ ᠵᠢᠷᠣᠮ ᠢ | ᠵᠢᠷᠤᠮᠵᠢᠭᠤᠯᠵᠥ᠂ ᠴᠢᠳᠠᠪᠤᠷᠢᠳᠠᠨ ᠤ ᠡᠬᠢ ᠪᠠᠶᠠᠯᠢᠭ ᠤᠨ ᠲᠤᠬᠢᠷᠠᠭᠤᠯᠤᠯᠳᠠ ᠶᠢ ᠰᠢᠯᠢᠳᠡᠭᠵᠢᠬᠦᠯᠵᠦ᠂ ᠴᠢᠳᠠᠪᠤᠷᠢᠳᠠᠨ᠂ | ᠬᠦᠮᠦᠨ ᠬᠡᠷᠡᠭᠯᠡᠬᠦ ᠨᠢᠭᠡᠴᠡ᠂ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠶᠢᠨ ᠬᠠᠤᠯᠢ ᠶᠤᠰᠤᠨ ᠤ | ᠡᠷᠬᠡ ᠠᠰᠢᠭ ᠢ ᠪᠠᠳᠤᠯᠠᠬᠤ ᠶᠢᠨ ᠲᠦᠯᠦᠬᠡ᠂ ᠤᠯᠤᠰ ᠤᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ | ᠲᠤᠭᠳᠠᠭᠠᠯ ᠢ ᠦᠨᠳᠦᠰᠦᠯᠡᠵᠦ᠂ ᠦᠪᠡᠷᠳᠡᠭᠡᠨ ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠤᠭᠤᠯᠤᠨ ᠲᠤᠰ | ᠲᠦᠷᠢᠮ ᠢ ᠲᠤᠭᠳᠠᠭᠠᠪᠠ᠃ | ᠬᠤᠶᠠᠳᠤᠭᠠᠷ ᠵᠦᠢᠯ ᠲᠤᠰ ᠲᠦᠷᠢᠮ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ | ᠲᠤᠳᠤᠷᠠᠬᠢ ᠴᠢᠳᠠᠪᠤᠷᠢᠳᠠᠨ ᠠᠵᠢᠯ ᠰᠤᠩᠭᠤᠵᠤ ᠤᠷᠢᠭᠳᠠᠬᠤ᠂ ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ᠂ | ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠵᠠᠭᠤᠴᠢᠯᠠᠨ ᠤᠢᠢᠯᠡᠴᠢᠯᠡᠬᠦ ᠵᠢᠴᠢ ᠬᠠᠮᠢᠶ᠎ᠠ ᠪᠦᠬᠦᠢ | ᠬᠠᠮᠢᠶᠠᠷᠤᠯᠳᠠ ᠶᠢᠨ ᠠᠵᠢᠯᠯᠠᠭ᠎ᠠ ᠶᠢ ᠵᠢᠷᠤᠮᠵᠢᠭᠤᠯᠤᠨ᠎ᠠ᠃ | ᠭᠤᠷᠪᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ | ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠪᠠᠶᠢᠭᠤᠯᠤᠯᠳᠠ ᠶᠢ ᠤᠯᠤᠰ ᠠᠷᠠᠳ ᠤᠨ ᠠᠵᠤ ᠠᠬᠤᠢ ᠪᠠ ᠨᠡᠶᠢᠬᠡᠮ ᠤᠨ | ᠬᠦᠭᠵᠢᠯᠳᠡ ᠶᠢᠨ ᠲᠦᠯᠦᠪᠯᠡᠭᠡ ᠳᠡᠭᠡᠨ ᠤᠷᠤᠭᠤᠯᠵᠤ᠂ ᠵᠠᠰᠠᠭ ᠤᠨ ᠤᠷᠳᠤᠨ ᠤ ᠬᠤᠯᠪᠤᠭᠳᠠᠯ ᠪᠦᠬᠦᠢ ᠰᠠᠯᠠᠭ᠎ᠠ | ᠮᠦᠴᠢᠷ ᠬᠦᠮᠦᠨ ᠤ ᠬᠦᠴᠦᠨ᠂ ᠪᠤᠳᠠᠰ ᠤᠨ ᠬᠦᠴᠦᠨ᠂ ᠡᠳ᠋ ᠮᠦᠩᠬᠦ ᠵᠡᠷᠭᠡ ᠲᠡᠯ᠎ᠠ ᠪᠠᠷ ᠲᠡᠮᠵᠢᠨ ᠲᠤᠰᠠᠯᠠᠵᠤ᠂ | ᠪᠤᠰᠤᠳ ᠤᠢᠢᠯᠡᠳᠪᠦᠷᠢᠯᠡᠯ ᠤᠨ ᠬᠦᠴᠦᠨ ᠤ ᠬᠦᠴᠦᠨ ᠵᠦᠢᠯ ᠤᠨ ᠵᠠᠬ᠎ᠠ ᠲᠡᠯᠬᠡᠭᠦᠷ ᠲᠠᠢ ᠵᠣᠬᠢᠴᠠᠬᠤ ᠶᠢ | ᠪᠡᠶᠡᠯᠡᠬᠦᠯᠵᠦ᠂ ᠵᠠᠬ᠎ᠠ ᠲᠡᠯᠭᠡᠭᠦᠷ ᠤᠨ ᠴᠢᠳᠠᠪᠤᠷᠢᠳᠠᠨ ᠤ ᠡᠬᠢ ᠪᠠᠶᠠᠯᠢᠭ ᠢ ᠲᠤᠬᠢᠷᠠᠭᠤᠯᠬᠤ ᠳᠣᠮᠳᠠᠬᠢ ᠰᠠᠭᠤᠷᠢ | ᠤᠢᠢᠯᠡᠳᠦᠯ ᠢ ᠪᠠᠳᠠᠷᠠᠭᠤᠯᠵᠤ᠂ ᠴᠢᠳᠠᠪᠤᠷᠢᠳᠠᠨ ᠤ ᠵᠤᠬᠢᠰᠳᠠᠢ ᠪᠠᠷ ᠰᠢᠯᠵᠢᠬᠦ ᠶᠢ ᠠᠬᠢᠭᠤᠯᠬᠤ ᠬᠡᠷᠡᠭᠳᠡᠢ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠤᠠ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ | ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤᠰ ᠵᠠᠰᠠᠭ ᠵᠠᠬᠢᠷᠭᠠᠨ ᠤ ᠤᠷᠤᠨ ᠤ ᠲᠤᠳᠤᠷᠡᠬᠢ | ᠴᠢᠳᠠᠪᠤᠷᠢᠳᠠᠨ ᠤ ᠵᠠᠬ᠎ᠠ ᠲᠡᠯᠭᠡᠭᠦᠷ ᠲᠤ ᠬᠢᠨᠠᠯᠳᠠ ᠲᠠᠯᠪᠢᠵᠦ ᠬᠠᠮᠢᠶᠠᠷᠬᠤ ᠶᠢ ᠬᠠᠷᠢᠭᠤᠴᠠᠨ᠎ᠠ᠃ | ᠬᠦᠭᠵᠢᠬᠦᠯᠦᠯᠳᠠ ᠦᠭᠡᠷᠠᠴᠢᠯᠡᠯᠳᠡ᠂ ᠬᠦᠳᠡᠯᠮᠦᠷᠢ ᠪᠡ ᠨᠡᠶᠢᠭᠡᠮ ᠤᠨ ᠪᠠᠳᠤᠯᠠᠪᠤᠷᠢ᠂ ᠰᠤᠷᠭᠠᠨ ᠬᠦᠮᠦᠵᠢᠯ᠂ | ᠤᠢᠢᠯᠡᠳᠪᠦᠷᠢ ᠬᠤᠳᠠᠯᠳᠤᠭ᠎ᠠ᠂ ᠡᠳ᠋ ᠤᠨ ᠵᠠᠰᠠᠭ᠂ ᠦᠨ᠎ᠠ ᠬᠠᠩᠰᠢ᠂ ᠠᠷᠠᠳ ᠤᠨ ᠶᠠᠪᠤᠳᠠᠯ᠂ ᠲᠤᠳᠤᠭᠠᠳᠤ ᠶᠢ | ᠬᠠᠮᠠᠭᠠᠯᠠᠬᠤ ᠵᠡᠷᠬᠡ ᠬᠠᠮᠢᠶ᠎ᠠ ᠪᠦᠬᠦᠢ ᠰᠠᠯᠠᠭ᠎ᠠ ᠮᠦᠴᠢᠷ ᠦᠪᠡᠷ ᠤᠨ ᠲᠤᠰᠢᠶᠠᠯ ᠬᠠᠷᠢᠭᠤᠴᠠᠯᠭ᠎ᠠ ᠶᠤᠰᠤᠭᠠᠷ ᠢᠶᠠᠨ | ᠴᠢᠳᠠᠪᠤᠷᠢᠳᠠᠨ ᠤ ᠵᠠᠬ᠎ᠠ ᠲᠡᠯᠬᠡᠬᠦᠷ ᠢ ᠬᠢᠨᠠᠨ ᠬᠠᠮᠢᠶᠠᠷᠬᠤ ᠪᠡ ᠲᠡᠮᠵᠢᠨ ᠬᠦᠳᠦᠯᠦᠨ ᠵᠢᠯᠣᠭᠤᠳᠬᠤ ᠠᠵᠢᠯ ᠢ ᠰᠠᠶᠢᠳᠤᠷ | ᠬᠢᠬᠦ ᠬᠡᠷᠡᠭᠳᠡᠢ᠃ | ᠲᠠᠪᠤᠳᠤᠭᠠᠷ ᠵᠦᠢᠯ ᠴᠢᠳᠠᠪᠤᠷᠢᠳᠠᠨ ᠤ ᠵᠠᠬ᠎ᠠ ᠲᠡᠯᠭᠡᠭᠦᠷ ᠤᠨ ᠠᠵᠢᠯᠯᠠᠭ᠎ᠠ ᠡᠷᠭᠡᠪᠰᠢ ᠢᠯᠡ᠂ ᠡᠷᠬᠡ ᠲᠡᠭᠰᠢ᠂ | ᠰᠠᠶᠢᠨ ᠲᠤᠷ᠎ᠠ ᠶᠢᠨ᠂ ᠢᠳᠡᠭᠡᠯ ᠲᠠᠢ ᠪᠠᠶᠢᠬᠤ ᠵᠠᠷᠴᠢᠮ ᠢ ᠪᠠᠷᠢᠮᠳᠠᠯᠠᠵᠤ᠂ ᠴᠢᠳᠠᠪᠤᠷᠢᠳᠠᠨ ᠡᠷᠬᠡ ᠮᠡᠳᠡᠨ ᠠᠵᠢᠯ | ᠰᠤᠩᠭᠤᠵᠦ᠂ ᠨᠢᠬᠡᠴᠡ ᠡᠷᠬᠡ ᠮᠡᠳᠡᠨ ᠬᠦᠮᠦᠨ ᠬᠡᠷᠡᠭᠯᠡᠬᠦ ᠶᠢ ᠬᠡᠷᠡᠭᠵᠢᠬᠦᠯᠦᠨ᠎ᠠ᠃ | ᠬᠤᠶᠠᠳᠤᠭᠠᠷ ᠪᠦᠯᠦᠭ ᠴᠢᠳᠠᠪᠤᠷᠢᠳᠠᠨ ᠠᠵᠢᠯ ᠰᠤᠩᠭᠤᠬᠤ | ᠵᠢᠷᠭᠤᠳᠤᠭᠠᠷ ᠵᠦᠢᠯ ᠴᠢᠳᠠᠪᠤᠷᠢᠳᠠᠨ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠷ | ᠲᠠᠮᠵᠢᠬᠤ ᠪᠤᠶᠤ ᠰᠢᠭᠤᠳ ᠬᠦᠮᠦᠨ ᠬᠡᠷᠡᠭᠯᠡᠬᠦ ᠨᠢᠬᠡᠴᠡ ᠲᠠᠢ ᠬᠠᠷᠢᠯᠴᠡᠬᠤ ᠵᠡᠷᠭᠡ ᠬᠠᠤᠯᠢ ᠳᠤ ᠨᠡᠶᠢᠴᠡᠬᠦ ᠠᠷᠭ᠎ᠠ | ᠬᠡᠯᠪᠡᠷᠢ ᠪᠠᠷ ᠡᠷᠬᠡ ᠮᠡᠳᠡᠨ ᠠᠵᠢᠯ ᠰᠤᠩᠭᠤᠵᠤ ᠪᠤᠯᠤᠨ᠎ᠠ᠃ ᠠᠵᠢᠯ ᠰᠤᠩᠭᠤᠭᠰᠠᠨ ᠴᠢᠳᠠᠪᠤᠷᠢᠳᠠᠨ ᠴᠢᠳᠠᠪᠤᠷᠢᠳᠠᠨ ᠤ | ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠤᠶᠤ ᠬᠦᠮᠦᠨ ᠬᠡᠷᠡᠭᠯᠡᠬᠦ ᠨᠢᠬᠡᠴᠡ ᠳᠤ ᠦᠪᠡᠷ ᠤᠨ ᠨᠠᠮᠳᠠᠷ ᠪᠤᠶᠤ ᠪᠡᠶ᠎ᠠ | ᠶᠢᠨ ᠭᠠᠷᠣᠯ᠂ ᠰᠤᠷᠤᠯᠭ᠎ᠠ ᠶᠢᠨ ᠨᠠᠮᠳᠠᠷ᠂ ᠲᠤᠰᠬᠠᠢ ᠮᠡᠷᠭᠡᠵᠢᠯ ᠤᠨ ᠬᠢᠷᠢ ᠬᠡᠮ ᠵᠡᠷᠭᠡ ᠦᠨᠡᠨ ᠪᠤᠳᠠᠳᠠᠢ ᠬᠦᠴᠦᠨ | ᠪᠦᠬᠦᠢ ᠬᠡᠷᠡᠴᠢ ᠮᠠᠲ᠋ᠧᠷᠢᠶᠠᠯ ᠢᠶᠠᠨ ᠬᠠᠩᠭᠠᠬᠤ ᠭᠡᠷᠡᠭᠳᠡᠢ᠃ | ᠲᠤᠯᠤᠳᠤᠭᠠᠷ ᠵᠦᠢᠯ ᠴᠢᠳᠠᠪᠤᠷᠢᠳᠠᠨ ᠤᠷᠢᠳᠴᠢᠯᠠᠨ ᠭᠡᠷ᠎ᠠ ᠪᠠᠨ ᠬᠦᠴᠦᠨ ᠦᠬᠡᠢ ᠪᠤᠯᠭᠠᠬᠤ ᠪᠤᠶᠤ ᠲᠤᠰᠢᠶᠠᠯ | ᠠᠴᠠ ᠪᠠᠨ ᠪᠠᠭᠤᠬᠤ ᠴᠢᠬᠤᠯᠠ ᠲᠠᠢ ᠪᠤᠯ᠂ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠲᠤᠭᠳᠠᠭᠠᠯ ᠳᠠᠬᠢ | ᠲᠤᠭᠳᠠᠭᠠᠯ ᠪᠤᠶᠤ ᠭᠡᠷ᠎ᠠ ᠶᠢᠨ ᠪᠤᠯᠵᠤᠯ ᠢ ᠵᠢᠷᠤᠮᠯᠠᠬᠤ ᠬᠡᠷᠡᠭᠳᠡᠢ᠃ ᠲᠤᠷ᠎ᠠ ᠪᠠᠷ ᠢᠶᠠᠨ ᠲᠤᠰᠢᠶᠠᠯ ᠠᠴᠠ ᠪᠠᠨ ᠰᠠᠯᠵᠤ | ᠪᠤᠯᠬᠤ ᠦᠬᠡᠢ᠂ ᠤᠯᠤᠰ ᠤᠨ ᠨᠢᠭᠤᠴᠠ ᠪᠡ ᠤᠭ ᠨᠢᠭᠡᠴᠡ ᠶᠢᠨ ᠠᠷᠠᠯᠵᠢᠶ᠎ᠠ ᠬᠤᠳᠠᠯᠳᠤᠭᠠᠨ ᠤ ᠨᠢᠭᠤᠴᠠ ᠶᠢ | ᠵᠠᠳᠠᠷᠠᠭᠤᠯᠵᠤ ᠪᠤᠯᠬᠤ ᠦᠬᠡᠢ᠂ ᠤᠭ ᠨᠢᠬᠡᠴᠡ ᠶᠢᠨ ᠮᠡᠳᠡᠯᠬᠡ ᠶᠢᠨ ᠦᠮᠴᠢᠯᠡᠯ ᠤᠨ ᠡᠷᠬᠡ ᠳᠤ ᠬᠠᠯᠳᠠᠵᠤ ᠪᠤᠯᠬᠤ | ᠦᠬᠡᠢ᠃ | ᠨᠠᠢᠮᠠᠳᠤᠭᠠᠷ ᠵᠦᠢᠯ ᠴᠢᠳᠠᠪᠤᠷᠢᠳᠠᠨ ᠠᠵᠢᠯ ᠤᠨ ᠴᠢᠯᠦᠬᠡ ᠪᠠᠷ ᠢᠶᠠᠨ ᠲᠤᠰᠢᠶᠠᠯ ᠬᠠᠪᠰᠤᠷᠭᠠᠬᠤ ᠨᠢ | ᠬᠤᠯᠪᠤᠭᠳᠠᠯ ᠪᠦᠬᠦᠢ ᠲᠤᠭᠳᠠᠭᠠᠯ ᠳᠤ ᠨᠡᠶᠢᠴᠡᠬᠦ ᠬᠡᠷᠡᠭᠳᠡᠢ᠂ ᠲᠤᠰᠢᠶᠠᠯ ᠬᠠᠪᠰᠤᠷᠭᠠᠬᠤ ᠬᠤᠭᠤᠴᠠᠭᠠᠨ ᠳᠤ ᠪᠠᠶᠢᠭ᠎ᠠ | ᠨᠢᠬᠡᠴᠡ ᠪᠡ ᠲᠤᠰᠢᠶᠠᠯ ᠬᠠᠪᠰᠤᠷᠭᠠᠭᠰᠠᠨ ᠨᠢᠭᠡᠴᠡ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠵᠤ ᠪᠤᠯᠬᠤ | ᠦᠬᠡᠢ᠃ | ᠶᠢᠰᠦᠳᠦᠭᠡᠷ ᠵᠦᠢᠯ ᠬᠦᠮᠦᠨ ᠬᠡᠷᠡᠭᠯᠡᠬᠦ ᠨᠢᠬᠡᠴᠡ ᠠᠴᠠ ᠪᠡᠯᠡ ᠭᠠᠷᠭᠠᠨ ᠪᠤᠯᠪᠠᠰᠤᠷᠠᠭᠤᠯᠵᠤ᠂ ᠪᠡᠯᠡ ᠭᠠᠷᠭᠠᠨ | ᠤᠷᠢᠨ ᠠᠪᠴᠢᠷᠠᠭᠰᠠᠨ ᠴᠢᠳᠠᠪᠤᠷᠢᠳᠠᠨ᠂ ᠬᠡᠷᠪᠡ ᠬᠦᠮᠦᠨ ᠬᠡᠷᠡᠭᠯᠡᠭᠰᠡᠨ ᠨᠢᠭᠡᠴᠡ ᠲᠠᠢ ᠤᠷᠢᠳᠴᠢᠯᠠᠨ ᠭᠡᠷ᠎ᠠ ᠪᠠᠨ | ᠬᠦᠴᠦᠨ ᠦᠬᠡᠢ ᠪᠤᠯᠭᠠᠬᠤ ᠬᠡᠪᠡᠯ᠂ ᠬᠤᠪᠢ ᠬᠦᠮᠦᠨ ᠪᠠ ᠬᠦᠮᠦᠨ ᠬᠡᠷᠡᠭᠯᠡᠬᠦ ᠨᠢᠬᠡᠴᠡ ᠪᠤᠯᠵᠤᠨ ᠲᠤᠭᠳᠠᠭᠰᠠᠨ ᠪᠤᠯ᠂ | ᠪᠤᠯᠵᠤᠯ ᠶᠤᠰᠤᠭᠠᠷ ᠢᠶᠠᠨ ᠬᠡᠷᠡᠭᠵᠢᠬᠦᠯᠬᠦ ᠬᠡᠷᠡᠭᠳᠡᠢ᠃ ᠪᠤᠯᠵᠤᠨ ᠲᠤᠭᠳᠠᠭᠰᠠᠨ ᠦᠬᠡᠢ ᠪᠤᠯ᠂ ᠬᠦᠮᠦᠨ ᠬᠡᠷᠡᠭᠯᠡᠬᠦ | ᠨᠢᠬᠡᠴᠡ ᠪᠤᠯᠪᠠᠰᠤᠷᠠᠯ ᠤᠨ ᠲᠠᠷᠠᠭ᠎ᠠ ᠪᠤᠶᠤ ᠠᠪᠴᠢᠷᠠᠭᠰᠠᠨ ᠤ ᠳᠠᠷᠠᠭᠠᠬᠢ ᠤᠢᠢᠯᠡᠴᠢᠯᠡᠭᠰᠡᠨ ᠬᠤᠭᠤᠴᠠᠭ᠎ᠠ ᠪᠠᠷ ᠵᠢᠯ | ᠲᠠᠷᠠᠭᠠᠯᠠᠨ ᠠᠬᠢᠨ ᠬᠠᠰᠤᠭᠳᠠᠬᠤ ᠪᠤᠯᠪᠠᠰᠤᠷᠠᠯ ᠤᠨ ᠰᠦᠢᠳᠬᠡᠯ ᠪᠤᠶᠤ ᠠᠪᠴᠢᠷᠠᠭᠰᠠᠨ ᠰᠦᠢᠳᠬᠡᠯ ᠤᠨ 20% ᠤᠨ | ᠬᠠᠷᠢᠴᠡᠯ ᠢᠶᠠᠷ ᠨᠦᠬᠦᠪᠦᠷᠢ ᠶᠢᠨ ᠮᠦᠩᠬᠦ ᠬᠤᠷᠢᠶᠠᠨ ᠠᠪᠴᠤ ᠪᠤᠯᠤᠨ᠎ᠠ᠃ | ᠠᠷᠪᠠᠳᠤᠭᠠᠷ ᠵᠦᠢᠯ ᠲᠤᠤᠷᠠᠬᠢ ᠴᠢᠳᠠᠪᠤᠷᠢᠳᠠᠨ ᠤ ᠰᠢᠯᠵᠢᠯᠳᠡ ᠶᠢ ᠬᠠᠮᠢᠶᠠᠷᠤᠯᠳᠠ ᠶᠢᠨ ᠡᠷᠬᠡ ᠶᠢᠨ ᠬᠢᠵᠡᠭᠠᠷ | ᠶᠤᠰᠤᠭᠠᠷ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ ᠮᠡᠳᠡᠬᠦᠯᠦᠨ ᠵᠦᠪᠰᠢᠶᠡᠷᠡᠬᠦᠯᠬᠦ ᠭᠡᠷᠡᠭᠳᠡᠢ᠄ | ︵ᠨᠢᠬᠡ︶ ᠤᠯᠤᠰ᠂ ᠦᠪᠡᠷᠳᠡᠭᠡᠨ ᠵᠠᠰᠠᠬᠤ ᠤᠷᠤᠨ ᠤ ᠭᠤᠤᠯᠳᠠᠯᠭ᠎ᠠ ᠲᠠᠢ ᠪᠠᠷᠢᠯᠭ᠎ᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠦᠷᠦᠯ ᠵᠦᠢᠯ ᠢ ᠲᠠᠭᠠᠭᠠᠨ ᠬᠢᠵᠦ ᠪᠠᠶᠢᠭ᠎ᠠ ᠭᠤᠤᠯ ᠬᠠᠷᠢᠭᠤᠴᠠᠯᠭᠠᠳᠠᠨ ᠪᠡ ᠭᠤᠤᠯ | ᠮᠡᠷᠭᠡᠵᠢᠯᠳᠡᠨ︔ | ︵ᠬᠤᠶᠠᠷ︶ ᠤᠯᠤᠰ ᠪᠤᠶᠤ ᠦᠪᠡᠷᠳᠡᠭᠡᠨ ᠵᠠᠰᠠᠬᠤ ᠤᠷᠤᠨ ᠠᠴᠠ ᠨᠢᠬᠡᠳᠦᠯᠳᠡᠢ ᠰᠤᠩᠭᠤᠨ ᠲᠤᠮᠢᠯᠠᠭᠠᠳ | ᠤᠢᠢᠯᠡᠴᠢᠯᠡᠭᠡᠨ ᠤ ᠬᠤᠭᠤᠴᠠᠭ᠎ᠠ ᠨᠢ ᠲᠠᠭᠤᠰᠤᠭᠠᠳᠤᠢ ᠬᠦᠮᠦᠰ︔ | ︵ᠭᠤᠷᠪᠡ︶ ᠬᠠᠤᠯᠢ ᠴᠠᠭᠠᠵᠠ ᠪᠡ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠤᠨᠴᠠᠭᠠᠢ ᠠᠵᠢᠯ ᠤᠨ | ᠪᠠᠶᠢᠷᠢ ᠳᠤ ᠪᠠᠶᠢᠭ᠎ᠠ ᠬᠦᠮᠦᠰ᠃ | ᠭᠤᠷᠪᠠᠳᠤᠭᠠᠷ ᠪᠦᠯᠦᠭ ᠴᠢᠳᠠᠪᠤᠷᠢᠳᠠᠨ ᠤᠷᠢᠬᠤ | ᠠᠷᠪᠠᠨ ᠨᠢᠬᠡᠳᠦᠬᠡᠷ ᠵᠦᠢᠯ ᠬᠦᠮᠦᠨ ᠬᠡᠷᠡᠭᠯᠡᠬᠦ ᠨᠢᠬᠡᠴᠡ ᠬᠠᠤᠯᠢ ᠶᠤᠰᠤᠭᠠᠷ ᠡᠷᠬᠡ ᠮᠡᠳᠡᠨ ᠴᠢᠳᠠᠪᠤᠷᠢᠳᠠᠨ | ᠤᠷᠢᠬᠤ ᠡᠷᠬᠡ ᠲᠠᠢ᠂ ᠶᠠᠮᠠᠷᠪᠠ ᠨᠢᠬᠡᠴᠡ ᠪᠡ ᠬᠤᠪᠢ ᠬᠦᠮᠦᠨ ᠬᠦᠮᠦᠨ ᠬᠡᠷᠡᠭᠯᠡᠬᠦ ᠨᠢᠬᠡᠴᠡ ᠶᠢᠨ ᠬᠡᠪ ᠤᠨ ᠤᠷᠢᠬᠤ | ᠠᠵᠢᠯᠯᠠᠭ᠎ᠠ ᠶᠢ ᠬᠠᠷᠰᠢᠯᠠᠵᠣ ᠪᠤᠯᠬᠤ ᠦᠬᠡᠢ᠃ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠭᠡᠷ᠎ᠠ ᠲᠤᠭᠳᠠᠭᠠᠯ | ᠲᠠᠢ ᠪᠤᠯ ᠲᠡᠷᠡ ᠲᠤᠭᠳᠠᠭᠠᠯ ᠢ ᠵᠢᠷᠤᠮᠯᠠᠬᠤ ᠬᠡᠷᠡᠭᠳᠡᠢ᠃ | ᠠᠷᠪᠠᠨ ᠬᠤᠶᠠᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ | ᠪᠠᠶᠢᠭᠤᠯᠤᠮᠵᠢ ᠶᠢᠨ ᠵᠤᠬᠢᠶᠠᠨ ᠪᠠᠶᠢᠭᠤᠯᠤᠭᠰᠠᠨ ᠴᠢᠳᠠᠪᠤᠷᠢᠳᠠᠨ ᠤ ᠰᠤᠯᠢᠯᠴᠠᠭᠠᠨ ᠤ ᠬᠤᠷᠠᠯ᠂ ᠢᠨᠲ᠋ᠧᠷ ᠰᠦᠯᠵᠢᠶ᠎ᠠ | ᠵᠡᠷᠭᠡ ᠤᠯᠠᠨ ᠨᠡᠶᠢᠳᠡ ᠶᠢᠨ ᠵᠠᠭᠤᠴᠢᠯᠠᠭᠤᠷ ᠵᠢᠴᠢ ᠪᠤᠰᠤᠳ ᠬᠠᠤᠯᠢ ᠳᠤ ᠨᠡᠶᠢᠴᠡᠭᠰᠡᠨ ᠠᠷᠭ᠎ᠠ ᠬᠡᠯᠪᠡᠷᠢ ᠪᠠᠷ | ᠲᠠᠮᠵᠢᠭᠤᠯᠣᠨ ᠴᠢᠳᠠᠪᠤᠷᠢᠳᠠᠨ ᠤᠷᠢᠵᠥ ᠪᠤᠯᠤᠨ᠎ᠠ᠃ | ᠠᠷᠪᠠᠨ ᠭᠤᠷᠪᠠᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ ᠦᠶᠡᠰ᠂ ᠬᠢᠨᠠᠨ | ᠵᠦᠪᠰᠢᠶᠠᠷᠡᠬᠦ ᠪᠠᠶᠢᠭᠤᠯᠤᠯᠭ᠎ᠠ ᠠᠴᠠ ᠪᠠᠶᠢᠭᠤᠯᠬᠤ ᠶᠢ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ ᠡᠵᠡᠩᠨᠡᠯᠳᠡ ᠶᠢᠨ | ᠦᠨᠡᠮᠯᠡᠯ ᠢᠶᠠᠨ ᠭᠠᠷᠭᠠᠵᠤ᠂ ᠤᠷᠢᠯᠭ᠎ᠠ ᠲᠠᠢ ᠬᠤᠯᠪᠤᠭᠳᠠᠬᠤ ᠨᠢᠬᠡᠴᠡ ᠶᠢᠨ ᠪᠠᠶᠢᠳᠠᠯ᠂ ᠤᠷᠢᠬᠤ ᠪᠠᠷ ᠵᠢᠱᠢᠵᠦ ᠪᠠᠶᠢᠬᠤ | ᠴᠢᠳᠠᠪᠤᠷᠢᠳᠠᠨ ᠤ ᠲᠤᠭ᠎ᠠ᠂ ᠠᠵᠢᠯ ᠤᠨ ᠪᠠᠶᠢᠷᠢ᠂ ᠨᠦᠬᠦᠴᠡᠯ ᠵᠢᠴᠢ ᠬᠠᠷᠠᠭᠠᠯᠵᠠᠯ ᠵᠡᠷᠭᠡ ᠪᠠᠨ ᠦᠨᠡᠨ ᠮᠦᠠ ᠢᠶᠠᠷ ᠨᠢ | ᠨᠡᠶᠢᠳᠡᠯᠡᠬᠦ ᠬᠡᠷᠡᠭᠳᠡᠢ᠃ | ᠠᠷᠪᠠᠨ ᠲᠦᠷᠪᠡᠳᠦᠭᠡᠷ ᠵᠦᠢᠯ ᠬᠦᠮᠦᠨ ᠬᠡᠷᠡᠭᠯᠡᠬᠦ ᠨᠢᠭᠡᠴᠡ ᠴᠢᠳᠠᠪᠤᠷᠢᠳᠠᠨ ᠤᠷᠢᠬᠤ ᠳᠤ ᠮᠡᠬᠡᠯᠡᠨ ᠬᠢᠬᠠᠬᠤ᠂ | ᠲᠦᠪ ᠪᠤᠰᠤ ᠦᠷᠢᠰᠦᠯᠳᠦᠭᠡᠨ ᠵᠡᠷᠭᠡ ᠠᠷᠭ᠎ᠠ ᠶᠢ ᠬᠡᠷᠡᠭᠯᠡᠵᠦ ᠪᠤᠯᠬᠤ ᠦᠬᠡᠢ᠂ ᠶᠠᠮᠠᠷᠪᠠ ᠨᠡᠷ᠎ᠠ ᠪᠠᠷ ᠤᠷᠢᠭᠳᠠᠬᠤ | ᠬᠦᠮᠦᠨ ᠠᠴᠠ ᠰᠦᠢᠳᠬᠡᠯ ᠬᠤᠷᠢᠶᠠᠵᠤ ᠪᠤᠯᠬᠤ ᠦᠬᠡᠢ᠂ ᠦᠨᠡᠮᠯᠡᠯ ᠢ ᠨᠢ ᠪᠠᠷᠢᠴᠠᠭᠠᠯᠠᠬᠤ ᠵᠡᠷᠬᠡ ᠬᠡᠯᠪᠡᠷᠢ ᠪᠠᠷ | ᠤᠷᠢᠭᠳᠠᠬᠤ ᠬᠦᠮᠦᠰ ᠤᠨ ᠡᠷᠬᠡ ᠠᠰᠢᠭ ᠢ ᠬᠤᠬᠢᠷᠠᠭᠤᠯᠵᠤ ᠪᠤᠯᠬᠤ ᠦᠬᠡᠢ᠃ | ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠢᠬᠤ ᠳᠠᠭᠠᠨ ᠦᠨᠳᠦᠰᠦᠳᠡᠨ᠂ ᠭᠠᠵᠠᠷ ᠤᠷᠤᠨ᠂ ᠱᠠᠰᠢᠨ | ᠰᠢᠳᠦᠯᠬᠡ ᠵᠡᠷᠭᠡ ᠰᠢᠯᠳᠠᠭᠠᠨ ᠢᠶᠠᠷ ᠤᠷᠢᠬᠤ ᠶᠢ ᠲᠡᠪᠴᠢᠬᠦ ᠪᠤᠶᠤ ᠤᠷᠢᠬᠤ ᠪᠠᠷᠢᠮᠵᠢᠶ᠎ᠠ ᠪᠠᠨ ᠲᠡᠭᠡᠭᠰᠢᠯᠡᠬᠦᠯᠵᠦ ᠪᠤᠯᠬᠤ | ᠦᠬᠡᠢ᠃ ᠤᠯᠤᠰ ᠠᠴᠠ ᠲᠤᠭᠳᠠᠭᠠᠭᠰᠠᠨ ᠡᠮᠡᠭᠳᠡᠢ ᠬᠦᠮᠦᠨ ᠳᠤ ᠲᠤᠬᠢᠷᠠᠬᠤ ᠦᠬᠡᠢ ᠠᠵᠢᠯ ᠤᠨ ᠪᠠᠶᠢᠷᠢ ᠠᠴᠠ | ᠪᠤᠰᠤᠳ ᠢ ᠬᠦᠢᠰᠦ ᠢᠯᠭᠠᠯ ᠢᠶᠠᠷ ᠨᠦᠬᠦᠴᠡᠯ ᠪᠣᠯᠭᠠᠵᠣ ᠡᠮᠡᠭᠳᠡᠶᠢᠴᠤᠳ ᠢ ᠤᠷᠢᠬᠤ ᠦᠬᠡᠢ ᠪᠤᠶᠤ ᠡᠮᠡᠭᠳᠡᠶᠢᠴᠤᠳ ᠢ | ᠤᠷᠢᠬᠤ ᠪᠡᠷᠢᠮᠵᠢᠶ᠎ᠠ ᠪᠠᠨ ᠲᠡᠭᠡᠭᠰᠢᠯᠡᠬᠦᠯᠵᠦ ᠪᠤᠯᠬᠤ ᠦᠬᠡᠢ᠃ | ᠬᠦᠮᠦᠨ ᠬᠡᠷᠡᠭᠯᠡᠬᠦ ᠨᠢᠬᠡᠴᠡ ᠤᠯᠤᠰ ᠤᠨ ᠭᠠᠳᠠᠭᠠᠳᠤ ᠠᠴᠠ ᠴᠢᠳᠠᠪᠤᠷᠢᠳᠠᠨ ᠣᠷᠣᠭᠤᠯᠣᠨ ᠠᠪᠴᠢᠷᠠᠬᠤ ᠳᠠᠭᠠᠨ᠂ | ᠤᠯᠤᠰ ᠪᠡ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠲᠤᠭᠳᠠᠭᠠᠯ ᠢ ᠵᠢᠷᠤᠮᠯᠠᠬᠤ ᠬᠡᠷᠡᠭᠳᠡᠢ᠃ | ᠠᠷᠪᠠᠨ ᠲᠠᠪᠤᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠲᠤᠰ ᠲᠦᠷᠢᠮ ᠤᠨ ᠠᠷᠪᠠᠳᠤᠭᠠᠷ ᠵᠦᠢᠯ ᠳᠠᠬᠢ | ᠰᠢᠯᠵᠢᠬᠦ ᠶᠢ ᠬᠢᠵᠠᠭᠠᠷᠯᠠᠵᠤ ᠪᠠᠶᠢᠭ᠎ᠠ ᠴᠢᠳᠠᠪᠤᠷᠢᠳᠠᠨ ᠢ ᠤᠷᠢᠬᠤ ᠳᠤ᠂ ᠡᠷᠭᠡᠪᠰᠢ ᠬᠤᠯᠪᠤᠭᠳᠠᠯ ᠪᠦᠬᠦᠢ ᠲᠤᠭᠳᠠᠭᠠᠯ | ᠲᠠᠢ ᠨᠡᠶᠢᠴᠡᠬᠦ ᠬᠡᠷᠡᠭᠳᠡᠢ᠃ | ᠠᠷᠪᠠᠨ ᠵᠢᠷᠭᠤᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠪᠡ ᠤᠷᠢᠭᠳᠠᠬᠤ ᠬᠦᠮᠦᠨ ᠡᠷᠬᠡ ᠲᠡᠭᠰᠢ ᠪᠠᠷ᠂ | ᠰᠠᠶᠢᠨ ᠲᠤᠷ᠎ᠠ ᠠᠴᠠ ᠪᠠᠨ᠂ ᠵᠦᠪᠯᠡᠭᠡᠳ ᠰᠠᠨᠠᠯ ᠨᠢᠭᠡᠳᠦᠭᠰᠡᠨ ᠰᠠᠭᠤᠷᠢᠨ ᠲᠡᠭᠡᠷ᠎ᠠ᠂ ᠬᠠᠤᠯᠢ ᠶᠤᠰᠤᠭᠠᠷ ᠤᠷᠢᠨ | ᠬᠡᠷᠡᠭᠯᠡᠬᠦ ᠭᠡᠷ᠎ᠠ ᠪᠤᠶᠤ ᠬᠦᠳᠡᠯᠮᠦᠷᠢ ᠶᠢᠨ ᠬᠡᠷ᠎ᠠ ᠲᠤᠭᠳᠠᠵᠤ᠂ ᠬᠤᠶᠠᠷ ᠡᠳᠡᠭᠡᠳ ᠤᠨ ᠡᠷᠬᠡ᠂ ᠡᠬᠦᠷᠬᠡ ᠵᠢᠴᠢ ᠪᠤᠰᠤᠳ | ᠬᠤᠯᠪᠤᠭᠳᠠᠯ ᠪᠦᠬᠦᠢ ᠵᠦᠢᠯᠠᠰ ᠢᠶᠠᠨ ᠲᠤᠳᠤᠷᠬᠠᠢᠢᠯᠠᠬᠤ ᠬᠡᠷᠡᠭᠳᠡᠢ᠃ | ᠠᠷᠪᠠᠨ ᠲᠤᠯᠤᠳᠤᠭᠠᠷ ᠵᠦᠢᠯ ᠭᠡᠷ᠎ᠠ ᠪᠠᠨ ᠬᠦᠴᠦᠨ ᠦᠬᠡᠢ ᠪᠤᠯᠭᠠᠭᠰᠠᠨ ᠴᠢᠳᠠᠪᠤᠷᠢᠳᠠᠨ ᠤᠣᠯ ᠨᠢᠭᠡᠴᠡ | ᠠᠴᠠ ᠪᠠᠨ ᠰᠠᠯᠬᠤ ᠦᠶᠡᠰ᠂ ᠤᠣᠯ ᠨᠢᠭᠡᠴᠡ ᠨᠢ ᠶᠠᠮᠠᠷᠪᠠ ᠰᠢᠯᠳᠠᠭ ᠢᠶᠠᠷ ᠰᠠᠯᠬᠤ ᠶᠢ ᠬᠤᠷᠢᠭᠯᠠᠨ ᠰᠠᠭᠠᠳᠠᠭᠠᠵᠤ | ᠪᠤᠯᠬᠤ ᠦᠬᠡᠢ᠂ ᠲᠡᠬᠦᠨ ᠤ ᠠᠵᠢᠯᠳᠠᠨ ᠤ ᠶᠠᠪᠤᠳᠠᠯ ᠤᠨ ᠬᠠᠷᠢᠴᠠᠭ᠎ᠠ ᠵᠢᠴᠢ ᠨᠠᠰᠤ ᠵᠢᠯ᠂ ᠠᠵᠢᠯ ᠠᠯᠳᠠᠬᠤ᠂ ᠡᠮ | ᠡᠮᠨᠡᠯᠬᠡ᠂ ᠠᠵᠢᠯ ᠤᠨ ᠬᠡᠮᠳᠦᠯ ᠵᠡᠷᠬᠡ ᠨᠡᠶᠢᠬᠡᠮ ᠤᠨ ᠲᠠᠭᠠᠳᠬᠠᠯ ᠤᠨ ᠮᠦᠩᠬᠦ ᠶᠢ ᠰᠢᠯᠵᠢᠬᠦᠯᠬᠦ ᠭᠠᠷ ᠬᠦᠢᠴᠡᠳᠬᠡᠯ ᠢ | ᠨᠢ ᠴᠠᠭ ᠲᠤᠬᠠᠢ ᠳᠤᠨᠢ ᠬᠦᠢᠴᠡᠳᠬᠡᠨ ᠦᠭᠬᠦ ᠶᠢᠨ ᠬᠠᠮᠳᠤ ᠲᠤᠭᠳᠠᠭᠠᠯ ᠶᠤᠰᠤᠭᠠᠷ ᠠᠵᠢᠯᠳᠠᠨ ᠤ ᠶᠠᠪᠤᠳᠠᠯ ᠤᠨ | ᠲᠠᠩᠰᠠ ᠡᠪᠬᠡᠮᠡᠯ ᠢ ᠨᠢ ᠰᠢᠯᠵᠢᠬᠦᠯᠵᠦ᠂ ᠬᠠᠮᠢᠶ᠎ᠠ ᠪᠦᠬᠦᠢ ᠭᠡᠷᠡᠴᠢ ᠭᠠᠷᠭᠠᠨ ᠦᠭᠬᠦ ᠬᠡᠷᠡᠭᠳᠡᠢ᠃ | ᠲᠦᠷᠪᠡᠳᠦᠭᠡᠷ ᠪᠦᠯᠦᠭ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ | ᠠᠷᠪᠠᠨ ᠨᠠᠢᠮᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠤᠯ ᠬᠠᠤᠯᠢ | ᠶᠤᠰᠤᠭᠠᠷ ᠪᠠᠶᠢᠭᠤᠯᠤᠭᠳᠠᠭᠰᠠᠨ ᠬᠦᠮᠦᠨ ᠬᠡᠷᠡᠭᠯᠡᠬᠦ ᠨᠢᠬᠡᠴᠡ ᠪᠡ ᠴᠢᠳᠠᠪᠤᠷᠢᠳᠠᠨ ᠤ ᠬᠠᠷᠢᠯᠴᠠᠨ ᠰᠤᠩᠭᠤᠬᠤ ᠳᠤ | ᠵᠠᠭᠤᠴᠢ ᠪᠠ ᠬᠠᠮᠢᠶ᠎ᠠ ᠪᠦᠬᠦᠢ ᠨᠡᠶᠢᠬᠡᠮᠴᠢᠯᠡᠭᠰᠠᠡ ᠤᠢᠢᠯᠡᠴᠢᠯᠡᠭᠡ ᠬᠠᠩᠭᠠᠳᠠᠭ ᠵᠤᠬᠢᠶᠠᠨ ᠪᠠᠶᠢᠭᠤᠯᠤᠯᠳᠠ ᠪᠤᠯᠤᠨ᠎ᠠ᠃ | ᠠᠷᠪᠠ ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠲᠤᠳᠤᠷ᠎ᠠ ᠴᠢᠳᠠᠪᠤᠷᠢᠳᠠᠨ ᠤ ᠵᠠᠭᠤᠴᠢ | ᠤᠢᠢᠯᠡᠴᠢᠯᠡᠬᠡᠨ ᠤ ᠪᠠᠶᠢᠭᠤᠯᠤᠮᠵᠢ ᠶᠢᠨ ᠭᠤᠶᠤᠴᠢᠯᠠᠨ ᠪᠠᠶᠢᠭᠤᠯᠬᠤ ᠳᠤ᠂ ᠬᠤᠰᠢᠭᠤ ᠰᠢᠶᠠᠨ ᠤ ᠱᠠᠳᠤᠨ ᠠᠴᠠ | ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠢᠶᠠᠷ ᠬᠢᠨᠠᠨ ᠪᠠᠶᠢᠴᠠᠭᠠᠵᠤ ᠵᠦᠪᠰᠢᠶᠠᠭᠦᠯᠬᠦ ᠬᠡᠷᠡᠭᠳᠡᠢ᠃ | ᠬᠤᠷᠢᠳᠤᠭᠠᠷ ᠵᠦᠢᠯ ᠭᠠᠳᠠᠭᠠᠳᠤ ᠤᠯᠤᠰ ᠤᠨ ᠺᠤᠮᠫᠠᠨᠢ ᠪᠡ ᠪᠤᠰᠤᠳ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠤ ᠲᠤᠳᠤᠷ᠎ᠠ ᠴᠢᠳᠠᠪᠤᠷᠢᠳᠠᠨ ᠤ | ᠵᠠᠭᠤᠴᠢ ᠤᠢᠢᠯᠡᠴᠢᠯᠡᠭᠡ ᠪᠤᠶᠤ ᠬᠠᠮᠢᠶ᠎ᠠ ᠪᠦᠬᠦᠢ ᠤᠢᠢᠯᠡᠴᠢᠯᠡᠭᠡ ᠡᠷᠬᠢᠯᠡᠬᠦ ᠳᠤ᠂ ᠪᠠᠶᠢᠭᠤᠯᠬᠤ ᠪᠤᠳᠠᠳᠠᠢ ᠨᠦᠬᠦᠴᠡᠯ᠂ | ᠬᠢᠨᠠᠨ ᠵᠦᠪᠰᠢᠶᠠᠷᠡᠬᠦ ᠡᠮᠬᠢ ᠲᠠᠷᠠᠭᠠᠯᠠᠯ ᠵᠡᠷᠭᠡ ᠶᠢ ᠤᠯᠤᠰ ᠤᠨ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ | ᠬᠡᠷᠡᠭᠵᠢᠬᠦᠯᠦᠨ᠎ᠠ᠃ | ᠰᠢᠶᠠᠩᠭᠠᠩ ᠵᠠᠰᠠᠭ ᠵᠠᠬᠢᠷᠭᠠᠨ ᠤ ᠤᠨᠴᠠᠭᠠᠢ ᠤᠷᠤᠨ᠂ ᠤᠤᠮᠸᠡ ᠵᠠᠰᠠᠭ ᠵᠠᠬᠢᠷᠭᠠᠨ ᠤ ᠤᠨᠴᠠᠭᠠᠢ ᠤᠷᠤᠨ᠂ | ᠲᠠᠶᠢᠸᠠᠨ ᠤᠷᠤᠨ ᠤ ᠺᠤᠮᠫᠠᠨᠢ ᠪᠡ ᠪᠤᠰᠤᠳ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠦᠪᠡᠷᠳᠡᠭᠡᠨ ᠵᠠᠰᠠᠬᠤ | ᠤᠷᠤᠨ ᠤ ᠲᠤᠳᠤᠷ᠎ᠠ ᠪᠡᠯᠡ ᠬᠤᠷᠰᠢᠭᠰᠠᠨ ︵ᠬᠠᠮᠳᠤᠷᠠᠭᠰᠠᠨ︶ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ | ᠪᠠᠶᠢᠭᠤᠯᠤᠮᠵᠢ ᠪᠠᠶᠢᠭᠤᠯᠬᠤ ᠳᠤ ᠡᠮᠦᠨᠡᠬᠢ ᠪᠠᠳᠠᠭ ᠤᠨ ᠲᠤᠭᠳᠠᠭᠠᠯ ᠢᠶᠠᠷ ᠯᠠᠪᠯᠠᠯᠳᠠ ᠪᠤᠯᠭᠠᠨ ᠬᠡᠷᠡᠭᠵᠢᠬᠦᠯᠦᠨ᠎ᠠ᠃ | ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠭᠡᠷ᠎ᠠ ᠲᠤᠭᠳᠠᠭᠠᠯ ᠲᠠᠢ ᠪᠤᠯ ᠲᠡᠷᠡ ᠲᠤᠭᠳᠠᠭᠠᠯ ᠢ ᠵᠢᠷᠤᠮᠯᠠᠨ᠎ᠠ᠃ | ᠬᠤᠷᠢᠨ ᠨᠢᠬᠡᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠳᠤ | ᠲᠤᠤᠷᠠᠬᠢ ᠨᠦᠬᠦᠴᠡᠯ ᠢ ᠪᠦᠷᠢᠯᠳᠦᠬᠦᠯᠬᠦ ᠬᠡᠷᠡᠭᠳᠡᠢ᠄ | ︵ᠨᠢᠬᠡ︶ ᠴᠢᠳᠠᠪᠤᠷᠢᠳᠠᠨ ᠤ ᠵᠠᠭᠤᠴᠢ ᠶᠢᠨ ᠲᠤᠬᠠᠢᠢᠯᠠᠭᠰᠠᠨ ᠠᠵᠢᠯ ᠢ ᠡᠷᠬᠢᠯᠡᠬᠦ ᠬᠡᠪᠴᠢᠶ᠎ᠠ ᠳᠤ ᠵᠤᠬᠢᠴᠠᠬᠤ | ᠲᠠᠯᠠᠪᠤᠷ᠂ ᠲᠦᠬᠦᠬᠡᠷᠦᠮᠵᠢ ᠪᠡ 10 ᠲᠦᠮᠡᠨ ᠲᠦᠬᠦᠷᠢᠭ ᠠᠴᠠ ᠪᠠᠭ᠎ᠠ ᠦᠭᠡᠢ ᠲᠠᠩᠰᠠᠯᠠᠭᠤᠯᠬᠤ ᠪᠡᠯᠡ ᠮᠦᠩᠬᠦ ᠲᠠᠢ | ᠪᠠᠶᠢᠬᠤ︔ | ︵ᠬᠤᠶᠠᠷ︶ ᠭᠤᠷᠪᠠ ᠠᠴᠠ ᠲᠡᠭᠡᠭᠰᠢ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠠᠴᠠ ᠲᠡᠭᠡᠭᠰᠢ | ᠰᠤᠷᠤᠯᠭ᠎ᠠ ᠶᠢᠨ ᠨᠠᠮᠳᠠᠷ ᠲᠠᠢ᠂ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠬᠠᠤᠯᠢ ᠴᠠᠭᠠᠵᠠ᠂ ᠬᠠᠤᠯᠢ | ᠲᠤᠭᠳᠠᠭᠠᠯ ᠪᠡ ᠲᠦᠷᠦ ᠶᠢᠨ ᠪᠤᠳᠤᠯᠭ᠎ᠠ ᠶᠢ ᠤᠢᠢᠯᠠᠭᠠᠳᠠᠭ᠂ ᠬᠠᠮᠢᠶ᠎ᠠ ᠪᠦᠬᠦᠢ ᠲᠤᠬᠠᠢᠢᠯᠠᠭᠰᠠᠨ ᠠᠵᠢᠯ ᠤᠨ | ᠮᠡᠳᠡᠯᠭᠡ ᠶᠢ ᠡᠵᠡᠮᠰᠢᠭᠰᠡᠨ ᠲᠤᠰᠬᠠᠢ ᠲᠤᠰᠢᠶᠠᠯᠳᠤ ᠠᠵᠢᠯᠳᠠᠨ ᠪᠠᠶᠢᠬᠤ︔ | ︵ᠭᠤᠷᠪᠠ︶ ᠲᠤᠳᠤᠷᠬᠠᠢ ᠲᠤᠬᠠᠢᠢᠯᠠᠭᠰᠠᠨ ᠠᠵᠢᠯ ᠤᠨ ᠬᠦᠷᠢᠶ᠎ᠠ ᠬᠡᠪᠴᠢᠶ᠎ᠠ ᠪᠡ ᠴᠢᠳᠠᠪᠤᠷᠢᠳᠠᠨ ᠤ | ᠵᠠᠭᠤᠴᠢ ᠶᠢᠨ ᠲᠤᠬᠠᠢᠢᠯᠠᠭᠰᠠᠨ ᠠᠵᠢᠯ ᠲᠠᠢ ᠨᠡᠶᠢᠴᠡᠭᠰᠡᠨ ᠨᠠᠷᠠᠶᠢᠳᠤᠯ᠂ ᠲᠦᠷᠢᠮ ᠲᠠᠢ ᠪᠠᠶᠢᠬᠤ︔ | ︵ᠲᠦᠷᠪᠡ︶ ᠲᠤᠰᠠᠭᠠᠷ ᠢᠷᠭᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠵᠦ ᠴᠢᠳᠠᠬᠤ︔ | ︵ᠲᠠᠪᠤ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠨᠦᠬᠦᠴᠡᠯ᠃ | ᠬᠤᠷᠢᠨ ᠬᠤᠶᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠳᠤ᠂ | ᠬᠢᠨᠠᠨ ᠵᠦᠪᠰᠢᠶᠡᠷᠡᠭᠦ ᠪᠠᠶᠢᠭᠤᠯᠤᠯᠭ᠎ᠠ ᠳᠤ ᠡᠷᠭᠦᠳᠡᠯ ᠭᠠᠷᠭᠠᠬᠤ ᠶᠢᠨ ᠬᠠᠮᠳᠦ ᠲᠤᠰ ᠲᠦᠷᠢᠮ ᠤᠨ ᠬᠤᠷᠢᠨ ᠨᠢᠭᠡᠳᠦᠭᠡᠷ | ᠵᠦᠢᠯ ᠤᠨ ᠲᠤᠭᠳᠠᠭᠠᠯ ᠶᠤᠰᠤᠭᠠᠷ ᠬᠤᠯᠪᠤᠭᠳᠠᠯ ᠪᠦᠬᠦᠢ ᠬᠡᠷᠡᠴᠢᠯᠡᠬᠦ ᠮᠠᠲ᠋ᠧᠷᠢᠶᠠᠯ ᠲᠤᠰᠢᠶᠠᠬᠤ ᠬᠡᠷᠡᠭᠳᠡᠢ︔ | ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠪᠠᠷ ᠭᠤᠶᠤᠴᠢᠯᠠᠭᠰᠠᠨ ᠪᠢᠴᠢᠭ ᠢ ᠬᠢᠨᠠᠨ | ᠵᠦᠪᠰᠢᠶᠠᠷᠡᠬᠦ ᠪᠠᠶᠢᠭᠤᠯᠤᠯᠭ᠎ᠠ ᠬᠦᠯᠢᠶᠠᠨ ᠠᠪᠤᠭᠰᠠᠨ ᠡᠳᠦᠷ ᠠᠴᠠ ᠡᠬᠢᠯᠡᠵᠦ᠂ 20 ᠡᠳᠦᠷ ᠤᠨ ᠲᠤᠳᠤᠷ᠎ᠠ | ᠲᠤᠭᠳᠠᠭᠠᠯ ᠭᠠᠷᠭᠠᠬᠤ ᠬᠡᠷᠡᠭᠳᠡᠢ︔ ᠬᠢᠨᠠᠨ ᠪᠠᠶᠢᠴᠠᠭᠠᠵᠦ ᠵᠦᠪᠰᠢᠶᠠᠷᠡᠪᠡᠯ ︽ᠴᠢᠳᠠᠪᠤᠷᠢᠳᠠᠨ ᠤ ᠵᠠᠭᠤᠴᠢ | ᠤᠢᠢᠯᠡᠴᠢᠯᠡᠭᠡᠨ ᠤ ᠵᠦᠪᠰᠢᠶᠠᠷᠡᠯ ᠤᠨ ᠦᠨᠡᠮᠯᠡᠯ︾ ᠣᠯᠭᠤᠨ᠎ᠠ︔ ᠵᠦᠪᠰᠢᠶᠡᠷᠡᠭᠦ ᠦᠬᠡᠢ ᠪᠤᠯ ᠪᠢᠴᠢᠭ ᠤᠨ ᠬᠡᠯᠪᠡᠷᠢ | ᠪᠠᠷ ᠭᠤᠶᠤᠴᠢᠯᠠᠭᠰᠠᠨ ᠬᠦᠮᠦᠨ ᠳᠤ ᠮᠡᠳᠡᠭᠳᠡᠬᠦ ᠪᠦᠭᠡᠳ ᠤᠴᠢᠷ ᠰᠢᠯᠳᠠᠭᠠᠨ ᠢ ᠨᠢ ᠲᠤᠳᠤᠷᠬᠠᠢᠢᠯᠠᠬᠤ ᠬᠡᠷᠡᠭᠳᠡᠢ᠃ | ᠭᠤᠶᠤᠴᠢᠯᠠᠬᠤ ᠬᠦᠮᠦᠨ ︽ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠵᠦᠪᠰᠢᠶᠠᠷᠠᠯ ᠤᠨ ᠦᠨᠡᠮᠯᠡᠯ︾ | ᠢᠶᠠᠷ ᠪᠦᠷᠢᠳᠬᠡᠨ ᠲᠠᠩᠰᠠᠯᠠᠭᠤᠯᠬᠤ ᠭᠠᠷᠳᠠᠮ ᠢᠶᠠᠨ ᠬᠦᠢᠴᠡᠳᠭᠡᠨ᠎ᠠ︔ ᠠᠵᠢᠯ ᠤᠢᠢᠯᠡᠰ ᠤᠨ ᠴᠢᠨᠠᠷᠳᠠᠢ ᠪᠤᠯ ᠠᠳᠠᠯᠢ | ᠱᠠᠳᠤᠨ ᠤ ᠪᠠᠶᠢᠭᠤᠯᠤᠮᠵᠢ ᠶᠢᠨ ᠤᠷᠤᠨ ᠲᠤᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠦᠷᠢᠳᠬᠡᠨ | ᠲᠡᠩᠰᠠᠯᠠᠬᠤ ᠭᠠᠷᠳᠠᠮ ᠬᠦᠢᠴᠡᠳᠭᠡᠨ᠎ᠠ︔ ᠠᠵᠤ ᠠᠬᠤᠢᠢᠯᠠᠯ ᠤᠨ ᠴᠢᠨᠠᠷᠳᠠᠢ ᠪᠤᠯ ᠠᠳᠠᠯᠢ ᠱᠠᠳᠤᠨ ᠤ ᠤᠢᠢᠯᠡᠳᠪᠦᠷᠢ | ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠪᠦᠷᠢᠳᠬᠡᠨ ᠲᠠᠩᠰᠠᠯᠠᠬᠤ | ᠭᠠᠷᠳᠠᠮ ᠬᠦᠢᠴᠡᠳᠬᠡᠨ᠎ᠠ︔ ᠠᠷᠠᠳ ᠠᠴᠠ ᠡᠷᠬᠢᠯᠡᠭᠰᠡᠨ ᠠᠵᠤ ᠠᠬᠤᠢᠢᠯᠠᠯ ᠤᠨ ᠪᠤᠰᠤ ᠴᠢᠨᠠᠷᠳᠠᠢ ᠪᠤᠯ ᠠᠳᠠᠯᠢ | ᠱᠠᠳᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠪᠦᠷᠢᠳᠭᠡᠨ ᠲᠠᠩᠰᠠᠯᠠᠬᠤ ᠭᠠᠷᠳᠠᠮ ᠬᠦᠢᠴᠡᠳᠬᠡᠨ᠎ᠠ︔ | ︽ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠵᠦᠪᠰᠢᠶᠠᠷᠠᠯ ᠤᠨ ᠦᠨᠡᠮᠯᠡᠯ︾ ᠤᠯᠤᠭᠰᠠᠨ ᠦᠬᠡᠢ ᠪᠤᠯ | ᠬᠤᠯᠪᠤᠭᠳᠠᠯ ᠪᠦᠬᠦᠢ ᠰᠠᠯᠠᠭ᠎ᠠ ᠮᠦᠴᠢᠷ ᠲᠡᠬᠦᠨ ᠳᠤ ᠪᠦᠷᠢᠳᠬᠡᠨ ᠲᠠᠩᠰᠠᠯᠠᠬᠤ ᠭᠠᠷᠳᠠᠮ ᠬᠦᠢᠴᠡᠳᠭᠡᠨ ᠦᠭᠴᠦ | ᠪᠤᠯᠬᠤ ᠦᠬᠡᠢ︔ ᠭᠤᠶᠤᠴᠢᠯᠠᠬᠤ ᠬᠦᠮᠦᠨ ᠪᠦᠷᠢᠳᠬᠡᠨ ᠲᠠᠩᠰᠠᠯᠠᠬᠤ ᠭᠠᠷᠳᠠᠮ ᠢᠶᠠᠨ ᠬᠦᠢᠴᠡᠳᠭᠡᠭᠰᠡᠨ ᠤ ᠲᠠᠷᠠᠭ᠎ᠠ | ᠰᠠᠶᠢ ᠴᠢᠳᠠᠪᠤᠷᠢᠳᠠᠨ ᠤ ᠵᠠᠭᠤᠴᠢ ᠦᠢᠯᠠᠴᠢᠯᠡᠬᠡᠡ ᠤ ᠲᠤᠬᠠᠢᠢᠯᠠᠭᠰᠠᠨ ᠠᠵᠢᠯ ᠡᠵᠡᠩᠨᠡᠵᠦ ᠪᠤᠯᠤᠨ᠎ᠠ᠃ | ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠪᠠᠨ ᠬᠤᠪᠢᠷᠠᠭᠠᠵᠤ᠂ ᠦᠭᠡᠶᠢᠰᠭᠡᠬᠦ ᠳᠤ | ᠭᠦᠷᠪᠡᠯ ᠤᠭ ᠤᠨ ᠪᠦᠷᠢᠳᠭᠡᠨ ᠲᠠᠩᠰᠠᠯᠠᠭᠤᠯᠤᠭᠰᠠᠨ ᠬᠠᠮᠢᠶᠠᠷᠤᠯᠳᠠ ᠶᠢᠨ ᠪᠠᠶᠢᠭᠤᠯᠤᠯᠭ᠎ᠠ ᠳᠤ ᠬᠦᠷᠴᠦ | ᠦᠬᠡᠷᠠᠴᠢᠯᠡᠬᠦᠯᠬᠦ ᠪᠤᠶᠤ ᠬᠠᠰᠤᠬᠤ ᠭᠠᠷᠳᠠᠮ ᠬᠦᠢᠴᠡᠳᠭᠡᠬᠦ ᠬᠡᠷᠡᠭᠳᠡᠢ᠃ | ᠬᠤᠷᠢᠨ ᠭᠤᠷᠪᠡᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠤᠪᠢᠶᠠᠷᠢ | ᠪᠠᠶᠢᠭᠤᠯᠤᠮᠵᠢ ᠪᠠᠶᠢᠭᠤᠯᠬᠤ ᠳᠤ᠂ ᠤᠣᠯ ᠤᠨ ᠬᠢᠨᠠᠨ ᠵᠦᠪᠰᠢᠶᠠᠷᠡᠭᠰᠡᠨ ᠪᠠᠶᠢᠭᠤᠯᠤᠯᠭ᠎ᠠ ᠶᠢᠨ ᠪᠢᠴᠢᠭ ᠤᠨ | ᠬᠡᠯᠪᠡᠷᠢ ᠶᠢᠨ ᠵᠦᠪᠰᠢᠶᠡᠷᠡᠯ ᠢ ᠤᠯᠤᠭᠰᠠᠨ ᠬᠤᠶᠢᠨ᠎ᠠ᠂ ᠬᠤᠪᠢᠶᠠᠷᠢ ᠪᠠᠶᠢᠭᠤᠯᠤᠮᠵᠢ ᠶᠢᠨ ᠪᠠᠶᠢᠭ᠎ᠠ ᠭᠠᠵᠠᠷ ᠤᠨ | ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠬᠢᠨᠡᠨ | ᠵᠦᠪᠰᠢᠶᠠᠷᠡᠬᠦᠯᠬᠦ ᠬᠡᠷᠡᠭᠳᠡᠢ︔ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠦᠬᠡᠷ᠎ᠠ ᠲᠤᠭᠳᠠᠭᠠᠯ ᠲᠠᠢ ᠪᠤᠯ ᠲᠡᠷᠡ | ᠲᠤᠭᠳᠠᠭᠠᠯ ᠢ ᠵᠢᠷᠦᠮᠯᠠᠬᠤ ᠬᠡᠷᠡᠭᠳᠡᠢ᠃ | ᠬᠤᠷᠢᠨ ᠲᠦᠷᠪᠡᠳᠦᠭᠡᠷ ᠵᠦᠢᠯ ᠢᠨᠲ᠋ᠧᠷ ᠰᠦᠯᠵᠢᠶ᠎ᠠ ᠵᠡᠷᠭᠡ ᠤᠯᠠᠨ ᠨᠡᠶᠢᠳᠡ ᠶᠢᠨ ᠵᠠᠭᠤᠴᠢᠯᠠᠭᠤᠷ ᠵᠢᠴᠢ | ᠪᠤᠰᠤᠳ ᠬᠡᠯᠪᠡᠷᠢ ᠪᠠᠷ ᠴᠢᠳᠠᠪᠤᠷᠢᠳᠠᠨ ᠤ ᠵᠠᠭᠤᠴᠢ ᠶᠢᠨ ᠤᠢᠢᠯᠡᠴᠢᠯᠡᠭᠡ ᠬᠠᠩᠭᠠᠬᠤ ᠳᠤ᠂ ᠡᠷᠬᠡᠪᠰᠢ ︽ | ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠭᠤᠶᠤᠴᠢᠯᠠᠨ ᠤᠯᠬᠤ ᠬᠡᠷᠡᠭᠳᠡᠢ᠃ | ᠬᠤᠷᠢᠨ ᠲᠠᠪᠤᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠲᠤᠤᠷᠠᠬᠢ | ᠠᠵᠢᠯ ᠢ ᠡᠷᠬᠢᠯᠡᠵᠦ ᠪᠤᠯᠤᠨ᠎ᠠ᠄ | ︵ᠨᠢᠬᠡ︶ ᠴᠢᠳᠠᠪᠤᠷᠢᠳᠠᠨ ᠤ ᠵᠠᠬ᠎ᠠ ᠲᠡᠯᠭᠡᠭᠦᠷ ᠲᠠᠢ ᠬᠤᠯᠪᠤᠭᠳᠠᠬᠤ ᠬᠠᠤᠯᠢ ᠴᠠᠭᠠᠵᠠ᠂ ᠬᠠᠤᠯᠢ ᠲᠤᠭᠳᠠᠭᠠᠯ | ᠪᠡ ᠲᠦᠷᠦ ᠶᠢᠨ ᠪᠤᠳᠤᠯᠭ᠎ᠠ ᠶᠢᠨ ᠯᠠᠪᠯᠠᠭ᠎ᠠ ᠬᠠᠩᠭᠠᠬᠤ︔ | ︵ᠬᠤᠶᠠᠷ︶ ᠴᠢᠳᠠᠪᠤᠷᠢᠳᠠᠨ ᠤ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠬᠢ ᠶᠢ ᠬᠤᠷᠢᠶᠠᠨ ᠴᠤᠭᠯᠠᠭᠤᠯᠬᠤ᠂ | ᠡᠮᠬᠢᠯᠡᠬᠦ᠂ ᠬᠠᠳᠠᠭᠠᠯᠠᠬᠤ ᠪᠠ ᠨᠡᠶᠢᠳᠡᠯᠡᠬᠦ︔ | ︵ᠭᠤᠷᠪᠠ︶ ᠴᠢᠳᠠᠪᠤᠷᠢᠳᠠᠨ ᠤ ᠠᠵᠢᠯ ᠤᠯᠬᠤ ᠶᠢ ᠲᠠᠩᠰᠠᠯᠠᠬᠤ ᠪᠡ ᠴᠢᠳᠠᠪᠤᠷᠢᠳᠠᠨ ᠢ ᠲᠠᠨᠢᠯᠴᠠᠭᠤᠯᠬᠤ︔ | ︵ᠲᠦᠷᠪᠡ︶ ᠴᠢᠳᠠᠪᠤᠷᠢᠳᠠᠨ ᠢ ᠤᠷᠢᠬᠤ᠂ ᠡᠷᠢᠨ ᠤᠷᠢᠬᠤ᠂ ᠤᠶᠤᠨ ᠨᠡᠭᠡᠭᠡᠭᠳᠡᠭᠦᠯᠬᠦ ᠠᠵᠢᠯᠯᠠᠭ᠎ᠠ ᠶᠢ | ᠵᠤᠬᠢᠶᠠᠨ ᠪᠠᠶᠢᠭᠤᠯᠬᠤ᠂ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠠᠬᠦ︔ | ︵ᠲᠠᠪᠤ︶ ᠴᠢᠳᠠᠪᠤᠷᠢᠳᠠᠨ ᠤ ᠭᠡᠪ ᠪᠤᠯᠪᠠᠰᠤᠷᠠᠯ ᠢ ᠬᠢᠨᠠᠨ ᠲᠤᠭᠳᠠᠭᠠᠬᠤ︔ | ︵ᠵᠢᠷᠭᠤᠭ᠎ᠠ︶ ᠴᠢᠳᠠᠪᠤᠷᠢᠳᠠᠨ ᠲᠤᠮᠢᠯᠠᠬᠤ︔ | ︵ᠲᠤᠯᠤᠭ᠎ᠠ︶ ᠴᠢᠳᠠᠪᠤᠷᠢᠳᠠᠨ ᠤ ᠤᠢᠢᠯᠡᠰ ᠢ ᠨᠡᠭᠡᠭᠡᠨ ᠬᠦᠭᠵᠢᠬᠦᠯᠬᠦ ᠲᠠᠢ ᠬᠤᠯᠪᠤᠭᠳᠠᠬᠤ ᠡᠯ᠎ᠠ ᠵᠦᠢᠯ ᠤᠨ | ᠪᠤᠯᠪᠠᠰᠤᠷᠠᠯ ᠢ ᠵᠤᠬᠢᠶᠠᠨ ᠪᠠᠶᠢᠭᠤᠯᠬᠤ︔ | ︵ᠨᠠᠢᠮᠠ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠲᠤᠬᠠᠢᠢᠯᠠᠭᠰᠠᠨ ᠠᠵᠢᠯ᠃ | | ᠬᠤᠷᠢᠨ ᠵᠢᠷᠭᠤᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠲᠤᠤᠷᠡᠬᠢ | ᠠᠵᠢᠯᠯᠠᠭ᠎ᠠ ᠲᠠᠢ ᠪᠠᠶᠢᠵᠤ ᠪᠤᠯᠬᠤ ᠦᠬᠡᠢ᠄ | ︵ᠨᠢᠬᠡ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾ ᠵᠢᠴᠢ ᠬᠠᠮᠢᠶ᠎ᠠ | ᠪᠦᠬᠦᠢ ᠦᠨᠡᠮᠯᠡᠯ ᠢ ᠬᠤᠳᠠᠯ ᠢᠶᠠᠷ ᠵᠤᠬᠢᠶᠠᠵᠤ᠂ ᠪᠠᠯᠠᠯᠠᠨ ᠦᠭᠡᠷᠠᠴᠢᠯᠡᠵᠦ᠂ ᠵᠢᠬᠡᠯᠡᠵᠦ᠂ ᠲᠦᠷᠢᠶᠡᠰᠦᠯᠡᠵᠦ᠂ | ᠰᠢᠯᠵᠢᠬᠦᠯᠦᠨ ᠦᠭᠬᠦ︔ | ︵ᠬᠤᠶᠠᠷ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾ ᠳᠤ ᠬᠢᠨᠡᠨ | ᠵᠦᠪᠰᠢᠶᠠᠷᠡᠭᠰᠡᠨ ᠲᠤᠬᠠᠢᠢᠯᠠᠭᠰᠠᠨ ᠠᠵᠢᠯ ᠤᠨ ᠬᠦᠷᠢᠶ᠎ᠠ ᠬᠡᠪᠴᠢᠶ᠎ᠠ ᠠᠴᠠ ᠭᠡᠳᠦᠷᠡᠭᠦᠯᠦᠨ ᠡᠵᠡᠩᠨᠡᠬᠦ︔ | ︵ᠭᠤᠷᠪᠡ︶ ᠲᠦᠪ ᠪᠤᠰᠤ ᠪᠠᠷ ᠦᠷᠢᠰᠦᠯᠳᠦᠬᠦ ᠠᠷᠭ᠎ᠠ ᠶᠢ ᠬᠡᠷᠡᠭᠯᠡᠨ ᠲᠤᠬᠠᠢᠢᠯᠠᠭᠰᠠᠨ ᠠᠵᠢᠯ ᠡᠷᠬᠢᠯᠡᠬᠦ︔ | ︵ᠲᠦᠷᠪᠡ︶ ᠬᠠᠮᠢᠶ᠎ᠠ ᠲᠠᠢ ᠬᠦᠮᠦᠨ ᠤ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠬᠤ︔ | ︵ᠲᠠᠪᠤ︶ ᠬᠤᠳᠠᠯ ᠬᠠᠭᠤᠷᠮᠠᠭ ᠮᠡᠳᠡᠭᠡ ᠵᠠᠩᠬᠢ ᠬᠠᠩᠭᠠᠬᠤ ᠪᠠ ᠬᠤᠳᠠᠯ ᠬᠠᠭᠤᠷᠮᠠᠭ ᠠᠮᠠᠯᠠᠯᠳᠠ ᠬᠢᠬᠦ︔ | ︵ᠵᠢᠷᠭᠤᠭ᠎ᠠ︶ ᠬᠠᠤᠯᠢ ᠴᠠᠭᠠᠵᠠ᠂ ᠬᠠᠤᠯᠢ ᠲᠤᠭᠳᠠᠭᠠᠯ ᠢ ᠵᠦᠷᠢᠴᠡᠭᠰᠡᠨ ᠪᠤᠰᠤᠳ ᠠᠵᠢᠯᠯᠠᠭ᠎ᠠ᠃ | ᠬᠤᠷᠢᠨ ᠲᠤᠯᠤᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠢᠨᠡᠨ | ᠵᠦᠪᠰᠢᠶᠡᠷᠡᠭᠰᠡᠨ ᠠᠵᠢᠯ ᠡᠷᠬᠢᠯᠡᠬᠦ ᠬᠡᠪᠴᠢᠶᠡᠨ ᠲᠤᠳᠤᠷ᠎ᠠ ᠪᠠᠨ ᠬᠦᠮᠦᠨ ᠬᠡᠷᠡᠭᠯᠡᠬᠦ ᠨᠢᠬᠡᠴᠡ ᠪᠡ ᠬᠤᠪᠢ ᠬᠦᠮᠦᠨ ᠤ | ᠨᠠᠶᠢᠳᠠᠯᠭ᠎ᠠ ᠶᠢ ᠬᠦᠯᠢᠶᠠᠵᠦ᠂ ᠤᠷᠤᠯᠠᠨ ᠬᠦᠢᠴᠡᠳᠬᠡᠬᠦ ᠬᠡᠯᠪᠡᠷᠢ ᠪᠠᠷ ᠤᠢᠢᠯᠡᠴᠢᠯᠡᠭᠡ ᠬᠠᠩᠭᠠᠵᠦ ᠪᠤᠯᠤᠨ᠎ᠠ᠃ | ᠪᠠᠶᠢᠭᠤᠯᠤᠯᠭ᠎ᠠ ᠨᠢᠬᠡᠴᠡ ᠪᠡ ᠬᠤᠪᠢ ᠬᠦᠮᠦᠨ ᠤᠷᠤᠯᠠᠨ ᠬᠦᠢᠴᠡᠳᠬᠡᠬᠦ ᠦᠢᠯᠡᠴᠢᠯᠡᠭᠡ ᠱᠠᠭᠠᠷᠳᠠᠪᠠᠯ᠂ ᠤᠷᠤᠯᠠᠨ | ᠬᠦᠢᠴᠡᠳᠬᠡᠯᠭᠡᠬᠦ ᠪᠠᠶᠢᠭᠤᠯᠤᠮᠵᠢ ᠳᠤ ᠬᠦᠴᠦᠨ ᠪᠦᠬᠦᠢ ᠦᠨᠡᠮᠯᠡᠯ ᠵᠢᠴᠢ ᠨᠠᠶᠢᠳᠠᠯᠭ᠎ᠠ ᠶᠢᠨ ᠪᠢᠴᠢᠭ ᠵᠡᠷᠭᠡ ᠬᠤᠯᠪᠤᠭᠳᠠᠯ | ᠪᠦᠬᠦᠢ ᠮᠠᠲ᠋ᠧᠷᠢᠶᠠᠯ ᠢᠶᠠᠨ ᠲᠤᠰᠢᠶᠠᠵᠤ᠂ ᠨᠠᠶᠢᠳᠠᠨ ᠤᠷᠤᠯᠠᠨ ᠬᠦᠢᠴᠡᠳᠭᠡᠯᠬᠡᠬᠦ ᠵᠦᠢᠯᠡᠰ ᠢᠶᠠᠨ ᠲᠤᠳᠤᠷᠬᠠᠢᠢᠯᠠᠬᠤ | ᠬᠡᠷᠡᠭᠳᠡᠢ︔ ᠤᠷᠤᠯᠠᠨ ᠬᠦᠢᠴᠡᠳᠭᠡᠬᠦ ᠪᠠᠶᠢᠭᠤᠯᠤᠮᠵᠢ ᠨᠠᠶᠢᠳᠠᠭᠰᠠᠨ ᠨᠢᠬᠡᠴᠡ ᠪᠤᠶᠤ ᠬᠤᠪᠢ ᠬᠦᠮᠦᠨ ᠲᠠᠢ ᠬᠡᠯᠡᠯᠴᠡᠨ | ᠵᠦᠪᠳᠡᠵᠦ ᠰᠠᠨᠠᠯ ᠨᠢᠬᠡᠳᠦᠭᠰᠡᠨ ᠤ ᠲᠠᠷᠠᠭ᠎ᠠ ᠤᠷᠤᠯᠠᠨ ᠬᠦᠢᠴᠡᠳᠭᠡᠬᠦ ᠭᠡᠷ᠎ᠠ ᠲᠤᠭᠳᠠᠬᠤ ᠬᠡᠷᠡᠭᠳᠡᠢ᠃ | ᠬᠤᠷᠢᠨ ᠨᠠᠢᠮᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠴᠢᠳᠠᠪᠤᠷᠢᠳᠠᠨ ᠢ | ᠲᠤᠮᠢᠯᠠᠬᠤ ᠠᠵᠢᠯ ᠢ ᠡᠷᠬᠢᠯᠡᠬᠦ ᠳᠤ ᠲᠤᠮᠢᠯᠠᠭᠳᠠᠬᠤ ᠴᠢᠳᠠᠪᠤᠷᠢᠳᠠᠨ ᠲᠠᠢ ᠬᠦᠳᠡᠯᠮᠦᠷᠢ ᠶᠢᠨ ᠬᠡᠷ᠎ᠠ ᠲᠤᠭᠳᠠᠵᠤ᠂ | ᠬᠦᠮᠦᠨ ᠬᠡᠷᠡᠭᠯᠡᠬᠦ ᠨᠢᠬᠡᠴᠡ ᠲᠠᠢ ᠲᠤᠮᠢᠯᠠᠬᠤ ᠬᠡᠯᠡᠯᠴᠡᠬᠡᠷ ᠲᠤᠭᠳᠠᠨ᠂ ᠦᠪᠡᠷ ᠦᠪᠡᠷ ᠤᠨ ᠲᠤᠰᠢᠶᠠᠯ ᠬᠠᠷᠢᠭᠤᠴᠡᠯᠭ᠎ᠠ | ᠂ ᠡᠷᠬᠡ ᠡᠬᠦᠷᠬᠡ ᠪᠠᠨ ᠲᠤᠳᠤᠷᠬᠠᠢᠢᠯᠠᠬᠤ ᠬᠡᠷᠡᠭᠳᠡᠢ᠃ | ᠬᠤᠷᠢ ᠶᠢᠰᠦᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠴᠢᠳᠠᠪᠤᠷᠢᠳᠠᠨ ᠡᠷᠢᠠ | ᠤᠷᠢᠬᠤ ᠠᠵᠢᠯ ᠢ ᠡᠷᠬᠢᠯᠡᠬᠦ ᠳᠤ ᠴᠢᠳᠠᠪᠤᠷᠢᠳᠠᠨ ᠤ ᠠᠵᠢᠯ ᠤᠯᠬᠤ ᠡᠷᠡᠮᠡᠯᠵᠡᠯ ᠤᠨ ᠨᠢᠭᠤᠴᠠ ᠶᠢ ᠬᠠᠮᠠᠭᠠᠯᠠᠵᠤ᠂ | ᠨᠠᠶᠢᠳᠠᠭᠰᠠᠨ ᠨᠢᠬᠡᠴᠡ ᠪᠡ ᠡᠷᠢᠨ ᠤᠷᠢᠭᠳᠠᠬᠤ ᠴᠢᠳᠠᠪᠤᠷᠢᠳᠠᠨ ᠤ ᠪᠠᠶᠢᠭ᠎ᠠ ᠨᠢᠭᠡᠴᠡ ᠶᠢᠨ ᠮᠡᠳᠡᠯᠬᠡ ᠶᠢᠨ ᠦᠮᠴᠢᠯᠡᠬᠦ | ᠡᠷᠬᠡ ᠪᠡ ᠪᠤᠰᠤᠳ ᠬᠠᠤᠯᠢ ᠶᠤᠰᠤᠨ ᠤ ᠡᠷᠬᠡ ᠠᠰᠢᠭ ᠲᠤ ᠬᠠᠯᠳᠠᠵᠤ ᠪᠤᠯᠬᠤ ᠦᠬᠡᠢ᠃ | ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠲᠤᠰ ᠲᠦᠷᠢᠮ ᠤᠨ ᠠᠷᠪᠠᠳᠤᠭᠠᠷ ᠵᠦᠢᠯ ᠳᠠᠬᠢ ᠠᠵᠢᠯ | ᠰᠢᠯᠵᠢᠬᠦ ᠶᠢ ᠬᠢᠵᠠᠭᠠᠷᠯᠠᠭᠰᠠᠨ ᠴᠢᠳᠠᠪᠤᠷᠢᠳᠠᠨ ᠢ ᠡᠷᠢᠨ ᠤᠷᠢᠬᠤ ᠳᠤ ᠡᠷᠬᠡᠪᠰᠢ ᠬᠤᠯᠪᠤᠭᠳᠠᠯ ᠪᠦᠬᠦᠢ ᠲᠤᠭᠳᠠᠭᠠᠯ ᠲᠠᠢ | ᠨᠡᠶᠢᠴᠡᠬᠦ ᠭᠡᠷᠡᠭᠳᠡᠢ᠃ | ᠭᠤᠴᠢᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠴᠢᠳᠠᠪᠤᠷᠢᠳᠠᠨ ᠤ | ᠰᠤᠯᠢᠯᠴᠠᠭᠠᠨ ᠤ ᠬᠤᠷᠠᠯ ᠡᠷᠬᠢᠯᠡᠬᠦ ᠳᠤ᠂ ᠪᠠᠶᠢᠭ᠎ᠠ ᠭᠠᠵᠡᠷ ᠤᠨ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ | ᠠᠷᠡᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ | ᠬᠠᠮᠢᠶᠠᠷᠤᠯᠳᠠ ᠶᠢᠨ ᠡᠷᠬᠡ ᠶᠢᠨ ᠬᠢᠵᠠᠭᠠᠷ ᠶᠤᠰᠤᠭᠠᠷ ᠬᠢᠨᠡᠨ ᠪᠠᠶᠢᠴᠠᠭᠠᠯᠭᠠᠵᠤ ᠵᠦᠪᠰᠢᠶᠡᠷᠡᠬᠦᠯᠬᠦ ᠬᠡᠷᠡᠭᠳᠡᠢ᠃ | ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ︾ ᠪᠤᠶᠤ ︽ᠦᠪᠦᠷ ᠮᠤᠩᠭᠤᠯ︾ ᠵᠢᠴᠢ ︽ᠪᠦᠬᠦ | ᠤᠷᠤᠨ︾ ᠵᠡᠷᠭᠡ ᠪᠠᠷ ᠨᠡᠷᠡᠯᠡᠭᠰᠡᠨ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠳᠤ᠂ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠢᠶᠠᠷ ᠬᠢᠨᠠᠨ ᠪᠠᠶᠢᠴᠠᠭᠠᠯᠭᠠᠵᠤ ᠵᠦᠪᠰᠢᠶᠡᠷᠡᠬᠦᠯᠬᠦ ᠬᠡᠷᠡᠭᠳᠡᠢ᠃ | ᠭᠤᠴᠢᠨ ᠨᠢᠭᠡᠳᠦᠭᠡᠷ ᠵᠦᠢᠯ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠠᠬᠦ ᠦᠶᠠᠰ᠂ ᠭᠤᠤᠯᠯᠠᠨ | ᠡᠷᠬᠢᠯᠡᠬᠦ ᠨᠢᠬᠡᠴᠡ ᠵᠢᠴᠢ ᠬᠠᠷᠢᠭᠤᠴᠠᠯᠭᠠᠳᠠᠨ ᠢ ᠲᠤᠳᠤᠷᠬᠠᠢᠢᠯᠠᠵᠤ᠂ ᠬᠤᠷᠠᠯ ᠡᠷᠬᠢᠯᠡᠭᠴᠢ ᠠᠴᠠ ᠵᠤᠬᠢᠴᠠᠩᠭᠤᠢ | ᠵᠤᠬᠢᠶᠠᠨ ᠪᠠᠶᠢᠭᠤᠯᠵᠤ ᠬᠡᠷᠡᠭᠵᠢᠬᠦᠯᠬᠦ ᠲᠦᠰᠦᠪ ᠪᠡ ᠪᠠᠴᠢᠮ ᠪᠠᠶᠢᠳᠠᠯ ᠢ ᠠᠷᠭᠠᠴᠠᠬᠤ ᠤᠷᠢᠳᠴᠢᠯᠠᠭᠰᠠᠨ ᠲᠦᠰᠦᠪ | ᠲᠤᠭᠳᠠᠭᠠᠬᠤ ᠬᠡᠷᠡᠭᠳᠡᠢ ᠪᠦᠬᠡᠳ ᠰᠤᠯᠢᠯᠴᠠᠭᠠᠨ ᠤ ᠬᠤᠷᠠᠯ ᠳᠤ ᠤᠷᠤᠯᠴᠠᠬᠤ ᠬᠦᠮᠦᠨ ᠬᠡᠷᠡᠭᠯᠡᠬᠦ ᠨᠢᠬᠡᠴᠡ ᠶᠢᠨ ᠬᠢᠷᠢ | ᠬᠡᠮ ᠢ ᠬᠢᠨᠠᠨ ᠪᠠᠶᠢᠴᠠᠭᠠᠬᠤ ᠭᠡᠷᠡᠭᠳᠡᠢ᠃ | ᠬᠢᠨᠠᠨ ᠵᠦᠪᠰᠢᠶᠠᠷᠡᠬᠦ ᠪᠠᠶᠢᠭᠤᠯᠤᠯᠭ᠎ᠠ ᠠᠴᠠ ᠡᠯᠰᠡᠬᠦ ᠠᠵᠢᠯᠯᠠᠭ᠎ᠠ ᠶᠢ ᠬᠢᠨᠠᠨ ᠬᠠᠮᠢᠶᠠᠷᠬᠤ ᠬᠡᠷᠡᠭᠳᠡᠢ᠃ | ᠭᠤᠴᠢᠨ ᠬᠤᠶᠠᠳᠤᠭᠠᠷ ᠵᠦᠢᠯ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠶᠢ | ᠵᠦᠪᠰᠢᠶᠡᠷᠡᠬᠦᠯᠦᠭᠰᠡᠨ ᠤ ᠲᠠᠷᠠᠭ᠎ᠠ᠂ ᠬᠤᠷᠠᠯ ᠡᠷᠬᠢᠯᠡᠬᠦ ᠴᠠᠭ᠂ ᠭᠠᠵᠠᠷ᠂ ᠬᠡᠪᠴᠢᠶ᠎ᠠ ᠶᠢ ᠲᠤᠷ᠎ᠠ ᠪᠠᠷ ᠢᠶᠠᠨ | ᠦᠬᠡᠷᠠᠴᠢᠯᠡᠵᠦ ᠪᠤᠯᠬᠤ ᠦᠬᠡᠢ᠂ ᠦᠨᠡᠨᠬᠦ ᠦᠬᠡᠷᠠᠴᠢᠯᠡᠬᠦ ᠴᠢᠬᠤᠯᠠ ᠲᠠᠢ ᠪᠤᠯ᠂ ᠠᠷᠪᠠᠨ ᠲᠠᠪᠤᠨ ᠠᠵᠢᠯᠯᠠᠬᠤ | ᠡᠳᠦᠷ ᠤᠨ ᠡᠮᠦᠨ᠎ᠠ ᠬᠢᠨᠡᠨ ᠵᠦᠪᠰᠢᠶᠠᠷᠡᠬᠦ ᠪᠠᠶᠢᠭᠤᠯᠤᠯᠭ᠎ᠠ ᠳᠤ ᠭᠤᠶᠤᠴᠢᠯᠠᠵᠤ ᠦᠭᠡᠷᠠᠴᠢᠯᠡᠬᠦ ᠭᠠᠷᠳᠠᠮ ᠬᠦᠢᠴᠡᠳᠬᠡᠵᠦ | ᠂ ᠵᠦᠪᠰᠢᠶᠠᠷᠡᠭᠰᠡᠨ ᠤ ᠲᠠᠷᠠᠭᠠᠬᠢ ᠬᠤᠶᠡᠷ ᠡᠳᠦᠷ ᠤᠨ ᠲᠤᠳᠤᠷ᠎ᠠ ᠵᠠᠭᠤᠴᠢᠯᠠᠭᠤᠷ ᠢᠶᠠᠷ ᠲᠠᠮᠵᠢᠨ ᠠᠯᠪᠠᠨ ᠵᠠᠷ | ᠨᠡᠶᠢᠳᠡᠯᠡᠬᠦ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠡᠷᠬᠡᠪᠰᠢ | ᠤᠯᠤᠰ ᠪᠡ ᠦᠪᠡᠷᠳᠡᠭᠡᠨ ᠵᠠᠰᠠᠬᠤ ᠤᠷᠤᠨ ᠤ ᠲᠤᠭᠳᠠᠭᠠᠭᠰᠠᠨ ᠰᠦᠢᠳᠬᠡᠯ ᠬᠤᠷᠢᠶᠠᠬᠤ ᠲᠦᠷᠦᠯ ᠵᠦᠢᠯ ᠪᠡ | ᠰᠦᠢᠳᠬᠡᠯ ᠬᠤᠷᠢᠶᠠᠬᠤ ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠵᠦ᠂ ᠲᠤᠷ᠎ᠠ ᠪᠠᠷ ᠢᠶᠠᠨ ᠰᠦᠢᠳᠬᠡᠯ ᠬᠤᠷᠢᠶᠠᠬᠤ | ᠲᠦᠷᠦᠯ ᠵᠦᠢᠯ ᠨᠡᠮᠡᠭᠳᠡᠬᠦᠯᠵᠦ᠂ ᠰᠦᠢᠳᠬᠡᠯ ᠬᠤᠷᠢᠶᠠᠬᠤ ᠪᠠᠷᠢᠮᠵᠢᠶ᠎ᠠ ᠶᠢ ᠲᠡᠭᠡᠭᠰᠢᠯᠡᠬᠦᠯᠵᠦ ᠪᠤᠯᠬᠤ ᠦᠬᠡᠢ᠃ | ᠲᠠᠪᠤᠳᠤᠭᠠᠷ ᠪᠦᠯᠦᠭ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ | ᠭᠤᠴᠢᠨ ᠲᠦᠷᠪᠡᠳᠦᠭᠡᠷ ᠵᠦᠢᠯ ᠲᠤᠰ ᠲᠦᠷᠢᠮ ᠳᠤ ᠬᠡᠯᠡᠵᠦ ᠪᠠᠶᠢᠭ᠎ᠠ ᠠᠵᠢᠯᠳᠠᠨ ᠤ ᠶᠠᠪᠤᠳᠠᠯ ᠴᠢᠳᠠᠪᠤᠷᠢᠳᠠᠠ ᠤ | ᠤᠯᠡᠨ ᠨᠡᠶᠢᠳᠡ ᠶᠢᠨ ᠤᠢᠢᠯᠡᠴᠢᠯᠡᠭᠡ ᠬᠡᠳᠡᠭ ᠨᠢ ᠵᠠᠰᠠᠭ ᠤᠨ ᠤᠷᠳᠤᠨ ᠠᠴᠠ ᠬᠠᠩᠭᠠᠭᠰᠠᠨ ᠵᠠᠰᠠᠭ ᠵᠠᠬᠢᠷᠭᠠᠨ ᠤ | ᠡᠭᠦᠷᠭᠡ ᠴᠢᠳᠠᠪᠬᠢ ᠲᠠᠢ ᠨᠡᠶᠢᠳᠡ ᠶᠢᠨ ᠠᠰᠠᠷᠠᠮᠵᠢ ᠶᠢᠨ ᠴᠢᠨᠡᠷᠳᠡᠢ ᠤᠢᠢᠯᠡᠴᠢᠯᠡᠭᠡ ᠶᠢ ᠵᠢᠭᠠᠵᠤ ᠪᠠᠶᠢᠨ᠎ᠠ᠃ | ᠭᠤᠴᠢᠨ ᠲᠠᠪᠤᠳᠤᠭᠠᠷ ᠵᠦᠢᠯ ᠲᠤᠤᠷᠡᠬᠢ ᠵᠦᠢᠯᠠᠰ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ | ᠨᠡᠶᠢᠳᠡ ᠶᠢᠨ ᠤᠢᠢᠯᠡᠴᠢᠯᠡᠬᠡᠨ ᠤ ᠬᠡᠪᠴᠢᠶᠡᠨ ᠳᠤ ᠬᠠᠷᠢᠶᠠᠯᠠᠭᠳᠠᠨ᠎ᠠ᠄ | ︵ᠨᠢᠬᠡ︶ ᠰᠢᠯᠵᠢᠨ ᠠᠵᠢᠯᠯᠠᠬᠤ ᠴᠢᠳᠠᠪᠤᠷᠢᠳᠠᠨ ᠪᠠ ᠨᠠᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠡᠯ᠎ᠠ ᠵᠦᠢᠯ ᠤᠨ ᠴᠢᠳᠠᠪᠤᠷᠢᠳᠠᠨ ᠤ ᠠᠵᠢᠯᠳᠠᠨ ᠤ ᠶᠠᠪᠤᠳᠠᠯ ᠤᠨ ᠲᠠᠩᠰᠠ ᠡᠪᠬᠡᠮᠡᠯ ᠢ | ᠬᠠᠮᠢᠶᠠᠷᠬᠤ ᠪᠦᠬᠡᠳ ᠵᠢᠩᠬᠢᠨᠢᠴᠢᠯᠡᠵᠤ ᠲᠡᠰ ᠲᠤᠭᠳᠠᠭᠠᠬᠤ᠂ ᠲᠡᠩᠰᠠ ᠡᠪᠬᠡᠮᠡᠯ ᠴᠠᠯᠢᠩ ᠮᠦᠩᠬᠦ ᠶᠢ ᠲᠤᠬᠢᠷᠠᠭᠤᠯᠬᠤ᠂ | ᠭᠠᠳᠠᠭᠠᠳᠤ ᠳᠤ ᠭᠠᠷᠬᠤ ᠤᠯᠤᠰ ᠲᠦᠷᠦ ᠶᠢᠨ ᠬᠢᠨᠠᠨ ᠪᠠᠶᠢᠴᠠᠭᠠᠯᠳᠠ ᠬᠢᠬᠦ᠂ ᠲᠤᠰᠬᠠᠢ ᠮᠡᠷᠭᠡᠵᠢᠯ ᠤᠨ ᠬᠢᠷᠢ ᠬᠡᠮ ᠢ | ᠰᠢᠯᠭᠠᠨ ᠦᠨᠡᠯᠡᠬᠦ ᠶᠢ ᠭᠤᠶᠤᠴᠢᠯᠠᠨ ᠮᠡᠳᠡᠭᠦᠯᠬᠦ ᠵᠡᠷᠬᠡ ᠬᠠᠮᠢᠶ᠎ᠠ ᠪᠦᠬᠦᠢ ᠠᠵᠢᠯ ᠢ ᠬᠦᠢᠴᠡᠳᠭᠡᠬᠦ︔ | ︵ᠬᠤᠶᠠᠷ︶ ᠰᠢᠯᠵᠢᠨ ᠠᠵᠢᠯᠯᠠᠬᠤ ᠴᠢᠳᠠᠪᠤᠷᠢᠳᠠᠨ ᠤ ᠤᠷᠢᠯᠭ᠎ᠠ ᠶᠢᠨ ᠭᠡᠷ᠎ᠠ ᠶᠢ ᠰᠢᠯᠭᠠᠨ ᠬᠡᠷᠡᠴᠢᠯᠡᠬᠦ ᠶᠢ | ᠬᠦᠢᠴᠡᠳᠬᠡᠬᠦ︔ | ︵ᠭᠤᠷᠪᠠ︶ ᠰᠢᠯᠵᠢᠨ ᠠᠵᠢᠯᠯᠠᠬᠤ ᠬᠦᠮᠦᠰ ᠤᠨ ᠠᠵᠢᠯᠳᠠᠨ ᠤ ᠶᠠᠪᠤᠳᠠᠯ ᠤᠨ ᠵᠢᠭᠤᠷᠠᠭᠠᠨ ᠢ ᠡᠶᠡᠳᠡᠬᠦᠯᠬᠦ︔ | ︵ᠲᠦᠷᠪᠡ︶ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠬᠠᠩᠭᠠᠯᠭ᠎ᠠ ᠬᠡᠷᠡᠭᠴᠡᠭᠡ ᠶᠢᠨ ᠮᠡᠳᠡᠭᠡ ᠵᠠᠩᠬᠢ ᠶᠢ | ᠪᠦᠷᠢᠳᠬᠡᠬᠦ᠂ ᠨᠡᠶᠢᠳᠡᠯᠡᠬᠦ︔ | ︵ᠲᠠᠪᠤ︶ ᠴᠢᠳᠠᠪᠤᠷᠢᠳᠠᠨ ᠳᠤ ᠠᠵᠢᠯ ᠤᠯᠭᠤᠬᠤ ᠲᠦᠷᠦ ᠶᠢᠨ ᠪᠤᠳᠤᠯᠭ᠎ᠠ ᠶᠢᠨ ᠲᠤᠬᠠᠢ ᠠᠰᠠᠭᠤᠨ ᠯᠠᠪᠯᠠᠭ᠎ᠠ | ᠬᠠᠩᠭᠠᠬᠤ᠂ ᠵᠢᠯᠤᠭᠤᠳᠬᠤ᠂ ᠠᠵᠢᠯ ᠤᠯᠬᠤ ᠪᠤᠯᠪᠠᠰᠤᠷᠠᠯ ᠵᠢᠴᠢ ᠬᠦᠯᠢᠶᠡᠨ ᠠᠪᠬᠤ ᠭᠠᠷᠳᠠᠮ ᠬᠦᠢᠴᠡᠳᠬᠡᠬᠦ︔ | ︵ᠵᠢᠷᠭᠤᠭ᠎ᠠ︶ ᠨᠡᠶᠢᠳᠡ ᠶᠢᠨ ᠠᠰᠠᠷᠠᠮᠵᠢ ᠶᠢᠨ ᠴᠢᠨᠡᠷᠳᠡᠢ ᠠᠵᠢᠯ ᠤᠯᠭᠤᠬᠤ ᠬᠤᠷᠠᠯ ᠢ ᠵᠤᠬᠢᠶᠠᠨ ᠪᠠᠶᠢᠭᠤᠯᠵᠤ | ᠡᠷᠬᠢᠯᠡᠬᠦ︔ | ︵ᠲᠤᠯᠤᠭ᠎ᠠ︶ ᠠᠵᠢᠯᠳᠠᠨ ᠤ ᠶᠠᠪᠤᠳᠠᠯ ᠤᠨ ᠵᠠᠰᠠᠭ ᠵᠡᠬᠢᠷᠭᠠᠨ ᠤ ᠰᠠᠯᠠᠭ᠎ᠠ ᠮᠦᠴᠢᠷ ᠤᠨ ᠨᠡᠶᠢᠳᠠᠭᠰᠡᠨ ᠪᠤᠰᠤᠳ | ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ᠃ | ᠭᠤᠴᠢᠨ ᠵᠢᠷᠭᠤᠳᠤᠭᠠᠷ ᠵᠦᠢᠯ ᠬᠡᠰᠡᠭ ᠠᠵᠢᠯᠳᠠᠠ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ | ᠤᠢᠢᠯᠡᠴᠢᠯᠡᠭᠡ ᠶᠢ ᠡᠯ᠎ᠠ ᠱᠠᠳᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠲᠡᠬᠦᠨ ᠤ ᠬᠠᠷᠢᠶ᠎ᠠ ᠪᠦᠬᠦᠢ ᠴᠢᠳᠠᠪᠤᠷᠢᠳᠠᠨ ᠤ ᠤᠢᠢᠯᠡᠴᠢᠯᠡᠬᠡᠨ ᠤ | ᠪᠠᠶᠢᠭᠤᠯᠤᠮᠵᠢ ᠳᠤ ᠨᠠᠶᠢᠳᠠᠵᠤ ᠡᠬᠦᠷᠬᠡᠯᠡᠬᠦᠯᠵᠦ ᠪᠤᠯᠤᠨ᠎ᠠ᠂ ᠪᠠᠰᠠ ᠵᠠᠰᠠᠭ ᠤᠨ ᠤᠷᠳᠤᠠ ᠤ ᠢᠯᠠ ᠪᠠᠷ ᠬᠤᠳᠠᠯᠳᠤᠠ | ᠠᠪᠬᠤ ᠬᠡᠯᠪᠡᠷᠢ ᠪᠠᠷ ᠨᠠᠶᠢᠬᠡᠮ ᠤᠨ ᠴᠢᠳᠠᠪᠤᠷᠢᠳᠠᠠ ᠤ ᠵᠠᠭᠤᠴᠢ ᠦᠢᠯᠡᠴᠢᠯᠡᠬᠡᠡ ᠤ ᠪᠠᠶᠢᠭᠤᠯᠤᠮᠵᠢ ᠪᠠᠷ ᠡᠬᠦᠷᠬᠡᠯᠡᠬᠦᠯᠵᠥ | ᠪᠤᠯᠤᠨ᠎ᠠ᠃ | ᠭᠤᠴᠢᠨ ᠲᠤᠯᠤᠳᠤᠭᠠᠷ ᠵᠦᠢᠯ ᠠᠵᠢᠯᠳᠠᠨ ᠤ ᠶᠠᠪᠤᠳᠠᠯ ᠴᠢᠳᠠᠪᠤᠷᠢᠳᠠᠨ ᠤ ᠤᠯᠠᠨ ᠨᠡᠶᠢᠳᠡ ᠶᠢᠨ ᠤᠢᠢᠯᠡᠴᠢᠯᠡᠭᠡ | ᠠᠰᠢᠭ ᠬᠤᠨᠵᠢᠪᠤᠷᠢ ᠣᠯᠬᠤ ᠪᠠᠷ ᠵᠤᠷᠢᠯᠭ᠎ᠠ ᠪᠤᠯᠭᠠᠵᠤ ᠪᠤᠯᠬᠤ ᠦᠬᠡᠢ᠃ ᠦᠨᠡᠨᠬᠦ ᠰᠦᠢᠳᠬᠡᠯ ᠬᠤᠷᠢᠶᠠᠬᠤ ᠴᠢᠬᠤᠯᠡ | ᠲᠠᠢ ᠲᠦᠷᠦᠯ ᠵᠦᠢᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ | ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠦᠢᠳᠬᠡᠯ ᠬᠤᠷᠢᠶᠠᠬᠤ ᠪᠠᠷᠢᠮᠵᠢᠶ᠎ᠠ ᠲᠤᠷᠡᠳᠤᠨ | ᠦᠪᠡᠷᠳᠡᠭᠡᠨ ᠵᠠᠰᠠᠬᠤ ᠤᠷᠤᠨ ᠤ ᠦᠨ᠎ᠠ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠭᠦᠯᠵᠦ | ᠬᠢᠨᠡᠨ ᠵᠦᠪᠰᠢᠶᠡᠷᠡᠭᠦᠯᠬᠦ ᠬᠡᠷᠡᠭᠳᠡᠢ᠃ | ᠵᠢᠷᠭᠤᠳᠤᠭᠠᠷ ᠪᠦᠯᠦᠭ ᠬᠢᠨᠠᠯᠳᠠ ᠲᠠᠯᠪᠢᠨ ᠪᠠᠶᠢᠴᠠᠭᠠᠬᠤ | ᠭᠤᠴᠢᠨ ᠨᠠᠢᠮᠠᠳᠤᠭᠠᠷ ᠵᠦᠢᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠴᠢᠳᠠᠪᠤᠷᠢᠳᠠᠨ ᠤ ᠵᠠᠭᠤᠴᠢ | ᠤᠢᠢᠯᠡᠴᠢᠯᠡᠬᠡᠨ ᠤ ᠪᠠᠶᠢᠭᠤᠯᠤᠮᠵᠢ ᠳᠤ ᠬᠢᠨᠠᠯᠳᠠ ᠲᠠᠯᠪᠢᠬᠤ ᠲᠤᠭᠳᠠᠭᠠᠯ ᠢ ᠪᠠᠶᠢᠭᠤᠯᠤᠨ ᠲᠡᠬᠦᠯᠳᠡᠷᠵᠢᠬᠦᠯᠵᠦ᠂ | ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠶᠢᠨ ᠡᠷᠬᠢᠯᠡᠭᠰᠡᠨ ᠠᠵᠢᠯᠯᠠᠭ᠎ᠠ ᠪᠠ ᠬᠦᠮᠦᠨ ᠬᠡᠷᠡᠭᠯᠡᠬᠦ | ᠨᠢᠬᠡᠴᠡ ᠶᠢᠨ ᠤᠷᠢᠯᠭ᠎ᠠ ᠶᠢᠨ ᠠᠵᠢᠯᠯᠠᠭ᠎ᠠ ᠳᠤ ᠬᠢᠨᠠᠯᠳᠠ ᠲᠠᠯᠪᠢᠬᠤ ᠬᠡᠷᠡᠭᠳᠡᠢ᠃ | ᠭᠤᠴᠢ ᠶᠢᠰᠦᠳᠦᠭᠡᠷ ᠵᠦᠢᠯ ᠶᠠᠮᠠᠷᠪᠠ ᠨᠢᠬᠡᠴᠡ ᠪᠡ ᠬᠤᠪᠢ ᠬᠦᠮᠦᠨ ᠲᠤᠬᠠᠢ ᠶᠢᠨ ᠭᠠᠵᠠᠷ ᠤᠨ ᠵᠠᠰᠠᠭ ᠤᠨ | ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠤ ᠴᠢᠳᠠᠪᠤᠷᠢᠳᠠᠨ ᠤ ᠵᠠᠭᠤᠴᠢ | ᠤᠢᠢᠯᠡᠴᠢᠯᠡᠬᠡᠨ ᠤ ᠠᠵᠢᠯᠯᠠᠭ᠎ᠠ ᠲᠤᠮᠳᠠᠬᠢ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠢᠯᠡᠴᠢᠯᠡᠨ ᠮᠡᠳᠡᠬᠦᠯᠵᠦ | ᠪᠤᠯᠤᠨ᠎ᠠ᠃ ᠲᠤᠬᠠᠢ ᠶᠢᠨ ᠭᠠᠵᠠᠷ ᠤᠨ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠴᠠᠭ ᠲᠤᠬᠠᠢ ᠳᠤᠨᠢ ᠪᠠᠶᠢᠴᠠᠭᠠᠨ ᠲᠤᠳᠤᠯᠠᠵᠤ᠂ ᠬᠠᠤᠯᠢ ᠶᠤᠰᠤᠭᠠᠷ ᠰᠢᠢᠳᠪᠦᠷᠢᠯᠡᠬᠦ | ᠬᠡᠷᠡᠭᠳᠡᠢ᠃ | ᠲᠦᠴᠢᠳᠦᠭᠡᠷ ᠵᠦᠢᠯ ᠠᠷᠠᠳ ᠤᠨ ᠵᠠᠰᠠᠭ ᠤᠨ ᠤᠷᠳᠤᠨ ᠤ ᠠᠵᠢᠯᠳᠠᠠ ᠤ ᠶᠠᠪᠤᠳᠠᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠴᠢᠳᠠᠪᠤᠷᠢᠳᠠᠨ ᠤ ᠵᠠᠬ᠎ᠠ ᠲᠡᠯᠭᠡᠬᠦᠷ ᠤᠨ ᠠᠵᠢᠯᠯᠠᠭ᠎ᠠ ᠳᠤ ᠲᠦᠪ ᠭᠤᠤᠯᠴᠢ ᠪᠠᠷ᠂ ᠢᠯᠡ ᠪᠠᠷ | ᠬᠢᠨᠠᠯᠳᠠ ᠲᠠᠯᠪᠢᠬᠤ ᠬᠡᠷᠡᠭᠳᠡᠢ᠂ ᠲᠤᠬᠢᠶᠠᠯ ᠢ ᠲᠠᠯᠢᠮᠳᠠᠭᠤᠯᠤᠨ ᠨᠡᠭᠡᠨ ᠠᠪᠬᠤ ᠪᠤᠶᠤ ᠡᠳ᠋ ᠪᠤᠳᠠᠰ ᠬᠦᠯᠢᠶᠠᠠ ᠠᠪᠬᠤ | ᠪᠠ ᠪᠤᠰᠤᠳ ᠠᠰᠢᠭ ᠲᠤᠰᠠ ᠤᠯᠵᠤ ᠪᠤᠯᠬᠤ ᠦᠬᠡᠢ᠃ | ᠲᠤᠯᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠲᠦᠴᠢᠨ ᠨᠢᠬᠡᠳᠦᠬᠡᠷ ᠵᠦᠢᠯ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠠᠷᠡᠬᠦᠯᠦᠭᠰᠡᠨ ᠦᠬᠡᠢ ᠪᠠᠷ ᠲᠤᠷ᠎ᠠ ᠪᠠᠷ ᠴᠢᠳᠠᠪᠤᠷᠢᠳᠠᠨ ᠤ ᠵᠠᠭᠤᠴᠢ | ᠤᠢᠢᠯᠡᠴᠢᠯᠡᠬᠡᠨ ᠤ ᠪᠠᠶᠢᠭᠤᠯᠤᠮᠵᠢ ᠪᠠᠶᠢᠭᠤᠯᠬᠤ ᠪᠤᠶᠤ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠠᠵᠢᠯᠯᠠᠭ᠎ᠠ | ᠡᠷᠬᠢᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ | ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠬᠠᠮᠳᠤᠷᠠᠨ ᠵᠠᠷᠯᠢᠭᠳᠠᠨ | ᠵᠤᠭᠰᠤᠭᠠᠯᠭᠠᠨᠠ︔ ᠬᠠᠤᠯᠢ ᠪᠤᠰᠤ ᠤᠯᠵᠠᠪᠤᠷᠢ ᠲᠠᠢ ᠪᠤᠯ ᠬᠠᠤᠯᠢ ᠪᠤᠰᠤ ᠤᠯᠵᠠᠪᠤᠷᠢ ᠶᠢ ᠨᠢ ᠬᠤᠷᠢᠶᠠᠬᠤ ᠪᠦᠭᠡᠳ | ᠪᠠᠶᠢᠳᠠᠯ ᠢ ᠦᠵᠡᠵᠦ᠂ ᠬᠠᠤᠯᠢ ᠪᠤᠰᠤ ᠤᠯᠵᠠᠪᠤᠷᠢ ᠶᠢᠨ ᠨᠢᠬᠡ ᠠᠴᠠ ᠭᠤᠷᠪᠠᠨ ᠲᠠᠬᠢᠨ ᠢᠶᠠᠷ ᠲᠤᠷᠭᠠᠨ᠎ᠠ᠃ | ᠲᠦᠴᠢᠨ ᠬᠤᠶᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠬᠢᠨᠠᠨ | ᠵᠦᠪᠰᠢᠶᠡᠷᠡᠭᠰᠡᠨ ᠠᠵᠢᠯ ᠡᠷᠬᠢᠯᠡᠬᠦ ᠬᠡᠪᠴᠢᠶ᠎ᠠ ᠠᠴᠠ ᠪᠠᠨ ᠬᠡᠳᠦᠷᠡᠨ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ | ᠠᠵᠢᠯᠯᠠᠭ᠎ᠠ ᠡᠷᠬᠢᠯᠡᠬᠦ ᠪᠤᠶᠤ ᠲᠤᠭᠳᠠᠭᠠᠯ ᠶᠤᠰᠤᠭᠠᠷ ᠦᠬᠡᠷᠠᠴᠢᠯᠡᠬᠦ ᠭᠠᠷᠳᠡᠮ ᠬᠦᠢᠴᠡᠳᠭᠡᠭᠰᠡᠨ ᠦᠬᠡᠢ ᠪᠤᠯ᠂ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠵᠠᠯᠠᠷᠠᠭᠤᠯᠬᠤ ᠶᠢ ᠲᠡᠪᠴᠢᠪᠡᠯ᠂ ᠬᠢᠨᠡᠨ | ᠵᠦᠪᠰᠢᠶᠡᠷᠡᠭᠦ ᠪᠠᠶᠢᠭᠤᠯᠤᠯᠭ᠎ᠠ ᠠᠴᠠ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ ᠦᠨᠡᠮᠯᠡᠯ︾ | ᠢ ᠨᠢ ᠬᠤᠷᠢᠶᠠᠨ ᠠᠪᠴᠤ ᠬᠦᠴᠦᠨ ᠦᠬᠡᠢ ᠪᠤᠯᠭᠠᠨ᠎ᠠ᠃ | ᠲᠦᠴᠢᠨ ᠭᠤᠷᠪᠠᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠠᠵᠢᠯᠳᠠᠨ ᠤ | ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠨᠠᠶᠢᠳᠠᠯᠭ᠎ᠠ ᠦᠬᠡᠢ ᠪᠠᠷ ᠰᠢᠯᠵᠢᠨ ᠠᠵᠢᠯᠯᠠᠬᠤ | ᠴᠢᠳᠠᠪᠤᠷᠢᠳᠠᠨ ᠤ ᠠᠵᠢᠯᠳᠠᠨ ᠤ ᠶᠠᠪᠤᠳᠠᠯ ᠤᠨ ᠲᠠᠩᠰᠡ ᠡᠪᠬᠡᠮᠡᠯ ᠢ ᠲᠤᠷ᠎ᠠ ᠪᠠᠷ ᠢᠶᠠᠨ ᠬᠠᠮᠢᠶᠠᠷᠪᠠᠯ᠂ ᠬᠤᠰᠢᠭᠤ | ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ | ᠵᠠᠬᠢᠷᠭᠠᠨ ᠤ ᠰᠠᠯᠠᠭ᠎ᠠ ᠮᠦᠴᠢᠷ ᠠᠴᠠ ᠲᠡᠬᠦᠨ ᠢ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ | ᠲᠤ ᠬᠠᠷᠢᠶᠠᠯᠠᠭᠳᠠᠬᠤ ᠴᠢᠳᠠᠪᠤᠷᠢᠳᠠᠨ ᠰᠤᠯᠢᠯᠴᠠᠬᠤ ᠪᠠᠶᠢᠭᠤᠯᠤᠮᠵᠢ ᠳᠤ ᠠᠵᠢᠯᠳᠠᠨ ᠤ ᠶᠠᠪᠤᠳᠠᠯ ᠤᠨ ᠲᠠᠩᠰᠠ | ᠡᠪᠬᠡᠮᠡᠯ ᠢ ᠲᠤᠰᠢᠶᠠᠯᠭᠠᠬᠤ ᠪᠠᠷ ᠵᠠᠷᠯᠢᠭᠳᠠᠵᠤ᠂ ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠤᠨ᠎ᠠ︔ | ᠪᠠᠶᠢᠳᠠᠯ ᠨᠢ ᠬᠦᠨᠳᠦ ᠨᠤᠴᠢᠳᠠᠢ ᠪᠤᠯ ᠵᠠᠷᠯᠢᠭᠳᠠᠨ ᠴᠡᠭᠴᠡᠯᠡᠬᠦᠯᠬᠦ ᠪᠤᠶᠤ ᠬᠢᠨᠠᠨ ᠵᠦᠪᠰᠢᠶᠠᠷᠡᠬᠦ ᠪᠠᠶᠢᠭᠤᠯᠤᠯᠭ᠎ᠠ ᠠᠴᠠ | ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠢ ᠨᠢ ᠬᠤᠷᠢᠶᠠᠨ ᠠᠪᠴᠤ ᠬᠦᠴᠦᠨ | ᠦᠬᠡᠢ ᠪᠤᠯᠭᠠᠨ᠎ᠠ᠃ | ᠲᠦᠴᠢᠨ ᠲᠦᠷᠪᠡᠳᠦᠭᠡᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠪᠠᠶᠢᠭᠤᠯᠤᠮᠵᠢ ᠲᠤᠷ᠎ᠠ ᠪᠠᠷ | ᠢᠶᠠᠨ ᠰᠦᠢᠳᠬᠡᠯ ᠬᠤᠷᠢᠶᠠᠬᠤ ᠲᠦᠷᠦᠯ ᠵᠦᠢᠯ ᠨᠡᠮᠡᠭᠳᠡᠭᠦᠯᠬᠦ ᠪᠤᠶᠤ ᠰᠦᠢᠳᠬᠡᠯ ᠬᠤᠷᠢᠶᠠᠬᠤ ᠪᠡᠷᠢᠮᠵᠢᠶ᠎ᠠ ᠶᠢ | ᠳᠡᠭᠡᠭᠰᠢᠯᠡᠭᠦᠯᠪᠡᠯ᠂ ᠦᠨ᠎ᠠ ᠬᠠᠩᠰᠢ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠤᠯᠢ ᠶᠤᠰᠤᠭᠠᠷ | ᠰᠢᠢᠳᠪᠦᠷᠢᠯᠡᠨ᠎ᠠ᠃ | ᠲᠦᠴᠢᠨ ᠲᠠᠪᠤᠳᠤᠭᠠᠷ ᠵᠦᠢᠯ ᠴᠢᠳᠠᠪᠤᠷᠢᠳᠠᠨ ᠤ ᠵᠠᠭᠤᠴᠢ ᠤᠢᠢᠯᠡᠴᠢᠯᠡᠭᠡᠨ ᠤ ᠪᠠᠶᠢᠭᠤᠯᠤᠮᠵᠢ ᠬᠤᠳᠠᠯ | ᠬᠠᠭᠤᠷᠮᠠᠭ ᠮᠡᠳᠡᠭᠡ ᠵᠠᠩᠬᠢ ᠬᠠᠩᠭᠠᠬᠤ ᠪᠤᠶᠤ ᠬᠤᠳᠠᠯ ᠬᠠᠭᠤᠷᠮᠠᠭ ᠢᠶᠠᠷ ᠠᠮᠠᠯᠳᠠᠬᠤ ᠵᠢᠴᠢ ︽ᠴᠢᠳᠠᠪᠤᠷᠢᠳᠠᠨ ᠤ | ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠪᠡ ᠬᠠᠮᠢᠶ᠎ᠠ ᠪᠦᠬᠦᠢ ᠦᠨᠡᠮᠯᠡᠯ ᠢ ᠬᠤᠳᠠᠯ ᠢᠶᠠᠷ | ᠵᠤᠬᠢᠶᠠᠬᠤ᠂ ᠪᠠᠯᠠᠯᠤᠨ ᠦᠬᠡᠷᠠᠴᠢᠯᠡᠬᠦ᠂ ᠵᠢᠬᠡᠯᠡᠨ ᠬᠡᠷᠡᠭᠯᠡᠬᠦᠯᠬᠦ᠂ ᠲᠦᠷᠢᠶᠡᠰᠦᠯᠠᠬᠦ᠂ ᠰᠢᠯᠵᠢᠬᠦᠯᠦᠨ ᠦᠭᠪᠡᠯ᠂ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ | ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠠᠯᠠᠷᠠᠭᠤᠯᠤᠨ᠎ᠠ︔ ᠪᠠᠶᠢᠳᠠᠯ ᠨᠢ ᠬᠦᠨᠳᠦ ᠨᠤᠴᠢᠳᠠᠢ ᠪᠤᠯ | ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ | ᠵᠠᠰᠠᠭ ᠵᠠᠬᠢᠷᠭᠠᠠ ᠤ ᠰᠠᠯᠠᠭ᠎ᠠ ᠮᠦᠴᠢᠷ ᠠᠴᠠ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠠᠷᠡᠯ ᠤᠨ | ᠦᠨᠡᠮᠯᠡᠯ︾ ᠢ ᠨᠢ ᠬᠤᠷᠢᠶᠠᠨ ᠠᠪᠴᠦ ᠬᠦᠴᠦᠨ ᠦᠬᠡᠢ ᠪᠤᠯᠭᠠᠨ᠎ᠠ᠃ | ᠲᠦᠴᠢᠨ ᠵᠢᠷᠭᠤᠳᠤᠭᠠᠷ ᠵᠦᠢᠯ ᠵᠦᠪᠰᠢᠶᠡᠷᠡᠯ ᠦᠬᠡᠢ ᠪᠠᠷ ᠲᠤᠷ᠎ᠠ ᠪᠠᠷ ᠢᠶᠠᠨ ᠴᠢᠳᠠᠪᠤᠷᠢᠳᠠᠨ ᠤ | ᠰᠤᠯᠢᠯᠴᠠᠭᠠᠨ ᠤ ᠬᠤᠷᠠᠯ ᠡᠷᠬᠢᠯᠡᠪᠡᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠨ ᠵᠤᠭᠰᠤᠭᠠᠯᠭᠠᠵᠤ᠂ | ᠬᠠᠤᠯᠢ ᠪᠤᠰᠤ ᠤᠯᠵᠠᠪᠤᠷᠢ ᠶᠢ ᠨᠢ ᠬᠤᠷᠢᠶᠠᠨ ᠠᠪᠤᠨ᠎ᠠ᠃ | ᠵᠦᠪᠰᠢᠶᠡᠷᠡᠯ ᠦᠬᠡᠢ ᠪᠠᠷ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠤᠨ ᠴᠠᠭ᠂ ᠭᠠᠵᠡᠷ᠂ ᠬᠡᠪᠴᠢᠶ᠎ᠠ ᠶᠢ ᠲᠤᠷ᠎ᠠ | ᠪᠠᠷ ᠬᠦᠴᠦᠨ ᠦᠬᠡᠢ ᠪᠤᠯᠭᠠᠵᠤ ᠬᠤᠪᠢᠷᠠᠭᠤᠯᠪᠠᠯ᠂ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ | ᠵᠠᠰᠠᠭ ᠤᠨ ᠤᠷᠳᠦᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠰᠡᠷᠡᠮᠵᠢᠯᠡᠬᠦᠯᠵᠦ᠂ | ᠬᠦᠨᠳᠤ ᠨᠤᠴᠢᠳᠠᠢ ᠦᠷ᠎ᠠ ᠳ᠋ᠦ᠋ᠩ ᠭᠠᠷᠭᠠᠪᠠᠯ 10000 ᠲᠦᠬᠦᠷᠢᠭ ᠠᠴᠠ ᠲᠤᠷᠤᠭᠰᠢ ᠵᠤᠭᠤᠰ ᠢᠶᠠᠷ ᠲᠤᠷᠭᠠᠨ᠎ᠠ᠃ | ᠲᠦᠴᠢᠨ ᠲᠤᠯᠤᠳᠤᠭᠠᠷ ᠵᠦᠢᠯ ᠬᠦᠮᠦᠨ ᠬᠡᠷᠡᠭᠯᠡᠬᠦ ᠨᠢᠬᠡᠴᠡ ᠲᠦᠪ ᠪᠤᠰᠤ ᠠᠷᠭ᠎ᠠ ᠪᠠᠷᠢᠯ ᠢᠶᠠᠷ ᠴᠢᠳᠠᠪᠤᠷᠢᠳᠠᠨ | ᠤᠷᠢᠬᠤ ᠪᠤᠶᠤ ᠤᠷᠢᠬᠤ ᠨᠡᠷ᠎ᠠ ᠪᠠᠷ ᠤᠷᠢᠭᠳᠠᠭᠴᠢ ᠠᠴᠠ ᠰᠦᠢᠳᠬᠡᠯ ᠬᠤᠷᠢᠶᠠᠪᠠᠯ᠂ ᠬᠤᠰᠢᠭᠤ ᠰᠢᠶᠠᠨ ᠤ ᠱᠠᠳᠤᠨ | ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ | ᠮᠦᠴᠢᠷ ᠠᠴᠠ ᠬᠠᠤᠯᠢ ᠪᠤᠰᠤ ᠠᠵᠢᠯᠯᠠᠭ᠎ᠠ ᠶᠢ ᠨᠢ ᠵᠤᠭᠰᠤᠭᠠᠯᠭᠠᠵᠤ᠂ ᠬᠤᠷᠢᠶᠠᠭᠰᠠᠨ ᠰᠦᠢᠳᠬᠡᠯ ᠢ ᠨᠢ | ᠪᠤᠴᠠᠭᠠᠯᠭᠠᠬᠤ ᠬᠡᠷᠡᠭᠳᠡᠢ︔ ᠬᠠᠤᠯᠢ ᠪᠤᠰᠤ ᠤᠯᠵᠠᠪᠤᠷᠢ ᠲᠠᠢ ᠪᠤᠯ ᠬᠤᠷᠢᠶᠠᠨ ᠠᠪᠤᠨ᠎ᠠ︔ ᠶᠠᠯ᠎ᠠ ᠳᠤ ᠬᠦᠷᠦᠭᠰᠡᠨ | ᠪᠠᠶᠢᠪᠠᠯ ᠬᠠᠤᠯᠢ ᠶᠤᠰᠤᠭᠠᠷ ᠡᠷᠡᠬᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠠ᠃ | ᠲᠦᠴᠢᠨ ᠨᠠᠢᠮᠠᠳᠤᠭᠠᠷ ᠵᠦᠢᠯ ᠲᠤᠰ ᠲᠦᠷᠢᠮ ᠤᠨ ᠠᠷᠪᠠᠨ ᠲᠤᠯᠤᠳᠤᠭᠠᠷ ᠵᠦᠢᠯ ᠤᠨ ᠲᠤᠭᠳᠠᠭᠠᠯ ᠠᠴᠠ | ᠵᠦᠷᠢᠴᠡᠪᠡᠯ ᠬᠤᠰᠢᠭᠤ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ | ᠶᠠᠪᠤᠳᠠᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠷᠯᠢᠭᠳᠠᠵᠦ ᠬᠤᠭᠤᠴᠠᠭ᠎ᠠ ᠬᠢᠵᠠᠭᠠᠷᠯᠠᠨ | ᠬᠦᠢᠴᠡᠳᠬᠡᠯᠬᠡᠨᠠ︔ ᠬᠤᠭᠤᠴᠠᠭ᠎ᠠ ᠠᠴᠠ ᠬᠡᠳᠦᠷᠡᠨ ᠬᠦᠢᠴᠡᠳᠭᠡᠬᠦ ᠦᠬᠡᠢ ᠪᠤᠯ ᠭᠤᠤᠯ ᠬᠠᠷᠢᠭᠤᠴᠠᠯᠭᠠᠳᠠᠨ ᠪᠠ | ᠰᠢᠭᠤᠳ ᠬᠠᠷᠢᠭᠤᠴᠠᠯᠭᠠᠳᠠᠨ ᠠᠴᠠ ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠠ︔ ᠰᠢᠯᠵᠢᠬᠦ | ᠴᠢᠳᠠᠪᠤᠷᠢᠳᠠᠨ ᠳᠤ ᠠᠵᠤ ᠠᠬᠤᠢ ᠶᠢᠨ ᠬᠤᠬᠢᠷᠠᠯ ᠤᠴᠠᠷᠠᠭᠤᠯᠤᠭᠰᠠᠨ ᠪᠤᠯ ᠵᠤᠬᠢᠴᠠᠩᠭᠤᠢ ᠢᠷᠬᠡᠨ ᠤ ᠬᠡᠷᠡᠭ ᠤᠨ | ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ | ᠲᠦᠴᠢ ᠶᠢᠰᠦᠳᠦᠭᠡᠷ ᠵᠦᠢᠯ ᠬᠤᠪᠢ ᠬᠦᠮᠦᠨ ᠬᠤᠳᠠᠯ ᠰᠤᠷᠤᠯᠭ᠎ᠠ ᠶᠢᠨ ᠨᠠᠮᠳᠠᠷ᠂ ᠬᠠᠭᠤᠷᠮᠠᠭ ᠲᠠᠩᠰᠠ | ᠡᠪᠬᠡᠮᠡᠯ᠂ ᠬᠠᠭᠤᠷᠮᠠᠭ ᠲᠤᠰᠬᠠᠢ ᠮᠡᠷᠭᠡᠵᠢᠯ ᠤᠨ ᠬᠢᠷᠢ ᠬᠡᠮ ᠵᠡᠷᠬᠡ ᠬᠤᠳᠠᠯ ᠬᠠᠭᠤᠷᠮᠠᠭ ᠮᠡᠳᠡᠭᠡ ᠵᠠᠩᠬᠢ ᠪᠠᠷ ᠬᠦᠮᠦᠨ | ᠬᠡᠷᠡᠭᠯᠡᠬᠦ ᠨᠢᠬᠡᠴᠡ ᠳᠤ ᠤᠷᠢᠭᠳᠠᠭᠰᠠᠨ ᠢ ᠬᠦᠮᠦᠨ ᠬᠡᠷᠡᠭᠯᠡᠬᠦ ᠨᠢᠬᠡᠴᠡ ᠮᠡᠳᠡᠭᠰᠡᠨ ᠤ ᠰᠡᠬᠦᠯᠡᠷ ᠤᠷᠢᠨ ᠬᠡᠷᠡᠭᠯᠡᠬᠦ | ᠬᠠᠷᠢᠴᠠᠭ᠎ᠠ ᠪᠠᠨ ᠬᠦᠴᠦᠨ ᠦᠬᠡᠢ ᠪᠤᠯᠭᠠᠵᠤ᠂ ᠭᠡᠷ᠎ᠠ ᠠᠴᠠ ᠵᠦᠷᠢᠴᠡᠭᠰᠡᠨ ᠬᠠᠷᠢᠭᠤᠴᠠᠯᠭ᠎ᠠ ᠡᠬᠦᠷᠬᠡᠯᠡᠬᠦ ᠦᠬᠡᠢ | ᠪᠠᠶᠢᠵᠤ ᠪᠤᠯᠤᠨ᠎ᠠ︔ ᠬᠤᠪᠢ ᠬᠦᠮᠦᠨ ᠬᠦᠮᠦᠠ ᠬᠡᠷᠡᠭᠯᠡᠬᠦ ᠨᠢᠬᠡᠴᠡ ᠳᠤ ᠬᠤᠬᠢᠷᠠᠯ ᠤᠴᠠᠷᠠᠭᠤᠯᠤᠭᠰᠠᠨ ᠪᠤᠯ | ᠵᠤᠬᠢᠴᠠᠩᠭᠤᠢ ᠢᠷᠬᠡᠨ ᠤ ᠬᠡᠷᠡᠭ ᠤᠨ ᠬᠠᠷᠢᠭᠤᠴᠠᠯᠭ᠎ᠠ ᠡᠬᠦᠷᠬᠡᠯᠡᠬᠦ ᠬᠡᠷᠡᠭᠳᠡᠢ᠃ | ᠲᠠᠪᠢᠳᠤᠭᠠᠷ ᠵᠦᠢᠯ ᠠᠷᠠᠳ ᠤᠨ ᠵᠠᠰᠠᠭ ᠤᠨ ᠤᠷᠳᠤᠨ ᠤ ᠠᠵᠢᠯᠳᠠᠨ ᠤ ᠶᠠᠪᠤᠳᠠᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠪᠤᠶᠤ ᠪᠤᠰᠤᠳ ᠰᠠᠯᠠᠭ᠎ᠠ ᠮᠦᠴᠢᠷ ᠤᠨ ᠠᠵᠢᠯᠳᠠᠨ ᠲᠤᠤᠷᠠᠬᠢ ᠪᠠᠶᠢᠳᠠᠯ ᠲᠠᠢ ᠪᠤᠯ᠂ ᠭᠤᠤᠯ | ᠬᠠᠮᠢᠶᠠᠷᠴᠤ ᠪᠠᠶᠢᠭ᠎ᠠ ᠬᠦᠮᠦᠨ ᠪᠠ ᠪᠤᠰᠤᠳ ᠰᠢᠭᠤᠳ ᠬᠠᠷᠢᠭᠤᠴᠠᠯᠭ᠎ᠠ ᠲᠠᠢ ᠬᠦᠮᠦᠰ ᠠᠴᠠ ᠬᠠᠤᠯᠢ ᠶᠤᠰᠤᠭᠠᠷ | ᠵᠠᠰᠠᠭ ᠵᠠᠬᠢᠷᠭᠠᠨ ᠤ ᠬᠠᠷᠢᠭᠤᠴᠠᠯᠭ᠎ᠠ ᠨᠡᠬᠡᠮᠵᠢᠯᠡᠨ᠎ᠠ︔ ᠲᠤᠬᠠᠢ ᠶᠢᠨ ᠬᠦᠮᠦᠨ ᠳᠤ ᠬᠤᠬᠢᠷᠠᠯ ᠤᠴᠠᠷᠠᠭᠤᠯᠤᠭᠰᠠᠨ ᠪᠤᠯ | ᠬᠠᠤᠯᠢ ᠶᠤᠰᠤᠭᠠᠷ ᠲᠦᠯᠦᠭᠦᠯᠬᠦ ᠬᠡᠷᠡᠭᠳᠡᠢ︔ ᠶᠠᠯ᠎ᠠ ᠳᠤ ᠬᠦᠷᠦᠭᠰᠡᠨ ᠪᠠᠶᠢᠪᠡᠯ ᠬᠠᠤᠯᠢ ᠶᠤᠰᠤᠭᠠᠷ ᠡᠷᠡᠬᠦᠤ ᠶᠢᠨ | ᠬᠠᠷᠢᠭᠤᠴᠠᠯᠭ᠎ᠠ ᠨᠡᠬᠡᠮᠵᠢᠯᠡᠨ᠎ᠠ᠄ | ︵ᠨᠢᠬᠡ︶ ︽ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ ᠵᠦᠪᠰᠢᠶᠡᠷᠡᠯ ᠤᠨ ᠦᠨᠡᠮᠯᠡᠯ︾ ᠢ ᠲᠤᠭᠳᠠᠭᠠᠯ | ᠶᠤᠰᠤᠭᠠᠷ ᠦᠯᠦ ᠬᠢᠨᠠᠨ ᠲᠠᠷᠬᠠᠭᠠᠭᠰᠠᠨ︔ | ︵ᠬᠤᠶᠠᠷ︶ ᠴᠢᠳᠠᠪᠤᠷᠢᠳᠠᠨ ᠤ ᠰᠤᠯᠢᠯᠴᠠᠭᠠᠨ ᠤ ᠬᠤᠷᠠᠯ ᠡᠷᠬᠢᠯᠡᠬᠦ ᠶᠢ ᠰᠢᠯᠳᠠᠭᠠᠨ ᠦᠬᠡᠢ ᠪᠠᠷ | ᠵᠦᠪᠰᠢᠶᠡᠷᠡᠭᠰᠡᠨ ᠦᠬᠡᠢ ᠠᠴᠠ ᠪᠤᠯᠵᠤ᠂ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠤᠨ ᠡᠩ ᠤᠨ ᠶᠤᠰᠤᠭᠠᠷ | ᠶᠠᠪᠤᠭᠳᠠᠬᠤ ᠶᠢ ᠨᠦᠯᠦᠬᠡᠯᠡᠭᠰᠡᠨ︔ | ︵ᠭᠤᠷᠪᠡ︶ ᠴᠢᠳᠠᠪᠤᠷᠢᠳᠠᠨ ᠤ ᠰᠤᠯᠢᠯᠴᠠᠭᠠᠨ ᠤ ᠬᠤᠷᠡᠯ ᠡᠷᠬᠢᠯᠡᠬᠦ ᠶᠢ ᠬᠢᠨᠡᠠ ᠪᠠᠶᠢᠴᠠᠭᠠᠬᠤ ᠲᠤᠰᠢᠶᠠᠯ | ᠬᠠᠷᠢᠭᠤᠴᠠᠯᠭ᠎ᠠ ᠪᠠᠨ ᠬᠡᠷᠡᠭᠵᠢᠬᠦᠯᠦᠭᠰᠡᠨ ᠦᠬᠡᠢ ᠠᠴᠠ ᠪᠤᠯᠵᠤ ᠮᠠᠭᠤ ᠦᠷ᠎ᠠ ᠳ᠋ᠦᠩ ᠭᠠᠷᠭᠠᠭᠰᠠᠨ︔ | ︵ᠲᠦᠷᠪᠡ︶ ᠡᠷᠬᠡ ᠲᠤᠰᠢᠶᠠᠯ ᠢᠶᠠᠨ ᠲᠤᠷ᠎ᠠ ᠪᠠᠷ ᠬᠡᠷᠡᠭᠯᠡᠵᠦ᠂ ᠡᠷᠬᠡ ᠪᠠᠨ ᠠᠰᠢᠭᠯᠠᠨ ᠠᠮᠢ ᠪᠠᠨ ᠪᠤᠷᠳᠤᠵᠤ᠂ | ᠲᠤᠬᠠᠢ ᠶᠢᠨ ᠬᠦᠮᠦᠨ᠂ ᠬᠦᠮᠦᠨ ᠬᠡᠷᠡᠭᠯᠡᠬᠦ ᠨᠢᠬᠡᠴᠡ ᠪᠤᠶᠤ ᠴᠢᠳᠠᠪᠤᠷᠢᠳᠠᠨ ᠤ ᠵᠠᠭᠤᠴᠢ ᠤᠢᠢᠯᠡᠴᠢᠯᠡᠬᠡᠨ ᠤ | ᠪᠠᠶᠢᠭᠤᠯᠤᠮᠵᠢ ᠶᠢᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ᠃ | ᠨᠠᠢᠮᠠᠳᠤᠭᠠᠷ ᠪᠦᠯᠦᠭ ᠲᠠᠭᠠᠯᠳᠤᠭᠤᠯᠤᠯ ᠲᠦᠷᠢᠮ | ᠲᠠᠪᠢᠨ ᠨᠢᠬᠡᠳᠦᠭᠡᠷ ᠵᠦᠢᠯ ᠲᠤᠰ ᠲᠦᠷᠢᠮ ᠢ 2008 ᠤᠨ ᠤ 2 ᠰᠠᠷ᠎ᠠ ᠶᠢᠨ 1 ᠤ ᠡᠳᠦᠷ ᠠᠴᠠ ᠡᠬᠢᠯᠡᠨ | ᠬᠡᠷᠡᠭᠵᠢᠬᠦᠯᠦᠨ᠎ᠠ︔ 2000 ᠤᠨ ᠤ 12 ᠰᠠᠷ᠎ᠠ ᠶᠢᠨ 12 ᠤᠨ ᠡᠳᠦᠷ ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠶᠢᠰᠦᠳᠦᠭᠡᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠡᠯ ᠤᠨ | ᠪᠠᠶᠢᠩᠭᠤ ᠶᠢᠨ ᠬᠤᠷᠢᠶ᠎ᠠ ᠶᠢᠨ ᠬᠤᠷᠢᠳᠤᠭᠠᠷ ᠬᠤᠷᠡᠯ ᠠᠴᠠ ᠪᠠᠳᠤᠯᠠᠭᠰᠠᠨ ︽ᠦᠪᠦᠷ ᠮᠤᠩᠭᠤᠯ ᠤᠨ ᠦᠪᠡᠷᠳᠡᠭᠡᠨ | ᠵᠠᠰᠠᠬᠤ ᠤᠷᠤᠨ ᠤ ᠴᠢᠳᠠᠪᠤᠷᠢᠳᠠᠨ ᠤ ᠵᠠᠬ᠎ᠠ ᠲᠡᠯᠬᠡᠬᠦᠷ ᠤᠨ ᠬᠠᠮᠢᠶᠠᠷᠤᠯᠳᠠ ᠶᠢᠨ ᠲᠦᠷᠢᠮ︾ ᠢ ᠬᠠᠮᠳᠤ ᠳᠤᠨᠢ | ᠬᠦᠴᠦᠨ ᠦᠬᠡᠢ ᠪᠤᠯᠭᠠᠨ᠎ᠠ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |