ᠵᠣᠣ ᠸᠧᠨ ᠬᠠᠨ
ᠨᠡᠶᠢᠲᠡᠯᠡᠭᠰᠡᠨ ᠴᠠᠭ᠄
2020/7/26
     ᠲᠣᠪᠴᠢ ᠨᠠᠮᠲᠠᠷ            ᠡᠷᠡᠭᠲᠡᠢ᠂ 1984 ᠣᠨ ᠤ 12 ᠰᠠᠷ᠎ᠠ ᠳᠤ ᠲᠥᠷᠥᠵᠡᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠣᠳᠣ ᠠᠯᠠᠱᠠ ᠵᠡᠭᠦᠨ ᠬᠤᠰᠢᠭᠤᠨ ᠤ ᠠᠷᠠᠳ ᠶᠢᠨ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠤᠢ᠃      ᠠᠵᠢᠯ ᠤᠨ ᠬᠤᠪᠢᠶᠠᠷᠢ᠄      ᠬᠤᠰᠢᠭᠤᠨ ᠤ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠵᠠᠰᠠᠭ ᠤᠨ ᠶᠠᠪᠤᠳᠠᠯ ᠢ ᠢᠯᠡ ᠪᠤᠯᠭᠠᠬᠤ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠪᠠᠶᠢᠭᠤᠯᠭ᠎ᠠ ᠶᠢᠨ ᠶᠠᠪᠤᠳᠠᠯ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠵᠠᠰᠠᠭ ᠤᠨ ᠣᠷᠳᠣᠨ ᠤ ᠠᠯᠪᠠᠨ ᠭᠡᠷ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠴᠡᠷᠢᠭ  ᠠᠴᠠ ᠬᠠᠯᠠᠭᠳᠠᠭᠰᠠᠳ ᠴᠡᠷᠢᠭ ᠤᠨ ᠠᠵᠢᠯᠲᠠᠨ ᠤ ᠶᠠᠪᠤᠳᠠᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ᠂ ᠪᠡᠯᠡ ᠣᠷᠣᠭᠤᠯᠤᠯᠲᠠ ᠶᠢ ᠠᠬᠢᠭᠤᠯᠬᠤ ᠲᠥᠪ ᠢ ᠬᠤᠪᠢᠳᠠᠨ ᠬᠠᠮᠢᠶᠠᠷᠤᠨ᠎ᠠ᠃ ᠬᠤᠪᠢᠳᠠᠨ ᠬᠠᠮᠢᠶᠠᠷᠬᠤ ᠬᠦᠷᠢᠶ᠎ᠡ ᠴᠠᠷᠠᠭ᠎ᠠ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠠᠵᠢᠯ ᠤᠨ ᠭᠤᠣᠯ ᠰᠢᠵᠢᠮ᠂ ᠨᠠᠮ ᠤᠨ ᠪᠠᠶᠢᠭᠤᠯᠤᠯᠲᠠ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ᠂ ᠬᠠᠤᠯᠢ ᠪᠠᠷ ᠵᠠᠰᠠᠬᠤ ᠪᠠᠶᠢᠭᠤᠯᠤᠯᠲᠠ᠂ ᠦᠵᠡᠯ ᠤᠬᠠᠮᠰᠠᠷ ᠤᠨ ᠭᠡᠯᠪᠡᠷᠢ᠂ ᠵᠠᠬᠢᠳᠠᠯ ᠰᠣᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠠᠶᠦᠯᠭᠦᠢ ᠦᠢᠯᠡᠳᠪᠦᠷᠢᠯᠡᠯ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠥᠷᠨᠢᠭᠦᠯᠬᠦ ᠶᠢ ᠪᠦᠭᠦ ᠲᠠᠯ᠎ᠠ ᠪᠠᠷ ᠲᠤᠤᠱᠯᠠᠭᠤᠯᠬᠤ ᠶᠢ ᠬᠠᠷᠢᠭᠤᠴᠠᠨ᠎ᠠ᠃ ᠬᠤᠰᠢᠭᠤᠨ ᠤ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号