ᠶᠤᠸᠠᠨ ᠤᠯᠤᠰ ᠤᠨ ᠦᠶ᠎ᠠ ᠶᠢᠨ ᠠᠷᠠᠳ ᠤᠨ ᠳᠤᠮᠳᠡᠬᠢ ᠡᠶᠡᠳᠡᠬᠦᠯᠬᠦ ᠠᠵᠢᠯᠯᠠᠭ᠎ᠠ
ᠨᠡᠶᠢᠲᠡᠯᠡᠭᠰᠡᠨ ᠴᠠᠭ᠄
2020/7/30
ᠶᠤᠸᠠᠨ ᠤᠯᠤᠰ ᠤᠨ ᠬᠠᠤᠯᠢ ᠲᠦᠷᠢᠮ ᠠᠷᠠᠳ ᠤᠨ ᠳᠤᠮᠳᠠ ᠡᠶᠡᠳᠡᠬᠦᠯᠬᠦ ᠠᠵᠢᠯᠯᠠᠭ᠎ᠠ ᠦᠷᠨᠢᠬᠦᠯᠦᠭᠰᠡᠨ ᠳᠠᠯ᠎ᠠ ᠪᠠᠷ ᠳᠤᠩ ᠠᠮᠵᠢᠯᠳᠠ ᠲᠠᠢ ᠪᠠᠶᠢᠳᠠᠭ᠃ ᠳᠡᠬᠦᠨ ᠤ ᠠᠮᠵᠢᠯᠳᠠ ᠲᠠᠢ ᠳᠤᠷᠰᠢᠯᠭ᠎ᠠ ᠨᠢ ᠬᠤᠵᠢᠮ ᠤᠨ ᠬᠠᠤᠯᠢ ᠴᠠᠭᠠᠵᠠ  ᠶᠢᠨ ᠬᠦᠭᠵᠢᠯᠳᠡ ᠳᠤ ᠢᠳᠡᠪᠬᠢᠳᠠᠢ ᠨᠦᠯᠦᠭᠡ ᠦᠵᠡᠬᠦᠯᠦᠭᠰᠡᠨ ᠶᠤᠮ᠃ ᠨᠢᠭᠡ᠂ ᠬᠤᠷᠰᠢᠶᠠᠨ ᠳᠠᠷᠤᠭ᠎ᠠ ᠶᠤᠰᠤ ᠪᠠᠷ ᠰᠠᠨᠠᠭᠤᠯᠬᠤ᠃ ᠶᠤᠸᠠᠨ ᠤᠯᠤᠰ ᠠᠴᠠ 50 ᠡᠷᠤᠬᠡ ᠶᠢ ᠨᠢᠭᠡ ᠬᠤᠷᠰᠢᠶ᠎ᠠ ᠪᠤᠯᠭᠠᠨ ᠵᠤᠬᠢᠶᠠᠨ ᠪᠠᠶᠢᠭᠤᠯᠵᠦ᠂ ᠬᠤᠷᠰᠢᠶ᠎ᠠ ᠪᠦᠷᠢ ᠳᠤ ᠨᠢᠭᠡ ᠬᠤᠷᠰᠢᠶᠠᠨ ᠳᠠᠷᠤᠭ᠎ᠠ ᠳᠤᠬᠢᠷᠠᠭᠤᠯᠤᠭᠰᠠᠨ ᠪᠠᠶᠢᠨ᠎ᠠ᠃ ᠬᠤᠷᠰᠢᠶᠠᠨ ᠳᠠᠷᠤᠭ᠎ᠠ ᠶᠢᠨ ᠡᠬᠦᠷᠭᠡ ᠬᠠᠷᠢᠭᠤᠴᠠᠯᠭ᠎ᠠ ᠨᠢ ᠳᠠᠷᠢᠶᠠᠯᠠᠬᠤ ᠶᠢ ᠰᠠᠨᠠᠭᠤᠯᠬᠤ᠂ ᠤᠯᠠᠨ ᠲᠦᠮᠡᠨ  ᠳᠤ ᠠᠴᠢᠯᠠᠯ ᠶᠤᠰᠤ ᠰᠤᠷᠳᠠᠬᠤᠨ ᠰᠤᠷᠭᠠᠨ ᠬᠦᠮᠦᠵᠢᠬᠦᠯᠬᠦ ᠠᠴᠠ ᠭᠠᠳᠠᠨ᠎ᠠ ᠪᠠᠰᠠ ᠨᠢᠭᠡᠨ ᠴᠢᠬᠤᠯᠠ ᠡᠬᠦᠷᠭᠡ ᠪᠤᠯ ᠳᠠᠷᠤᠢ ᠠᠷᠠᠳ ᠤᠨ ᠳᠤᠮᠳᠡᠬᠢ ᠵᠢᠭᠤᠷᠠᠭᠠᠨ ᠢ ᠡᠶᠡᠳᠡᠬᠦᠯᠬᠦ ᠶᠠᠪᠤᠳᠠᠯ ᠪᠤᠯᠤᠨ᠎ᠠ᠃ ᠬᠤᠶᠠᠷ᠂ ᠵᠠᠷᠭᠤ ᠶᠢ ᠲᠦᠪᠰᠢᠳᠬᠡᠬᠦ ᠶᠢᠨ ᠲᠦᠯᠦᠭᠡ ᠬᠠᠤᠯᠢ ᠶᠢ ᠮᠡᠳᠡᠬᠦ ᠬᠦᠮᠦᠰ ᠢ ᠬᠦᠮᠦᠵᠢᠬᠦᠯᠬᠦ᠃ ︽ᠶᠤᠸᠠᠨ ᠤ ᠰᠤᠳᠤᠷ︾ ᠲᠤ ᠳᠤᠷᠠᠳᠤᠭᠰᠠᠨ ᠢᠶᠠᠷ᠂ ᠳᠤᠬᠠᠢ ᠶᠢᠨ ᠦᠶ᠎ᠠ ᠳᠤ ᠭᠤᠤᠯᠳᠠᠭᠤ ᠭᠤᠷᠪᠠᠨ ᠵᠦᠢᠯ ᠤᠨ ᠬᠦᠮᠦᠰ ᠢ ᠬᠦᠮᠦᠵᠢᠬᠦᠯᠪᠡ᠃ 1. ᠠᠷᠠᠳ ᠤᠨ ᠳᠤᠮᠳᠡᠬᠢ ᠤᠷᠤᠭ ᠤᠨ ᠶᠠᠪᠤᠳᠠᠯ᠂ ᠭᠠᠵᠠᠷ ᠳᠠᠷᠢᠶᠠᠨ ᠤ ᠵᠢᠭᠤᠷᠠᠯᠳᠤᠭᠠᠨ ᠢ ᠡᠶᠡᠳᠡᠬᠦᠯᠬᠦ ᠵᠠᠭᠤᠴᠢ ᠬᠦᠮᠦᠰ ᠢ ᠬᠦᠮᠦᠵᠢᠬᠦᠯᠬᠦ᠃ ᠡᠯ᠎ᠠ ᠵᠢᠭᠤᠷᠠᠯᠳᠤᠭᠠᠨ ᠤ ᠳᠤᠮᠳᠠ ᠤᠷᠤᠭ ᠤᠨ ᠶᠠᠪᠤᠳᠠᠯ᠂ ᠭᠠᠵᠠᠷ ᠳᠠᠷᠢᠶᠠᠨ ᠤ ᠵᠢᠭᠤᠷᠠᠯᠳᠤᠭᠠ ᠬᠠᠮᠤᠭ ᠤᠨ ᠤᠯᠠᠨ ᠤᠴᠢᠷ ᠠᠴᠠ ᠡᠨᠡ ᠠᠰᠠᠭᠤᠳᠠᠯ ᠢ ᠰᠢᠢᠳᠪᠤᠷᠢᠯᠡᠬᠦ ᠶᠢᠨ ᠲᠦᠯᠦᠭᠡ ᠶᠤᠸᠠᠨ ᠤᠯᠤᠰ ᠤᠨ ᠵᠠᠰᠠᠭ ᠤᠨ ᠭᠠᠵᠠᠷ ᠠᠴᠠ ᠡᠯ᠎ᠠ ᠭᠠᠵᠠᠷ ᠤᠨ ᠠᠯᠪᠠᠨ ᠶᠠᠮᠤᠨ ᠵᠠᠭᠤᠴᠢ ᠬᠦᠮᠦᠨ ᠵᠠᠪᠠᠯ ᠬᠤᠷᠢᠮᠯᠠᠵᠦ ᠦᠯᠦ ᠪᠤᠯᠬᠤ ᠬᠡᠷᠡᠭ ᠶᠠᠪᠤᠳᠠᠯ ᠤᠨ ᠳᠤᠬᠠᠢ ᠮᠡᠳᠡᠬᠦ ᠬᠡᠷᠡᠭᠳᠡᠢ ᠭᠡᠰᠡᠨ ᠪᠠᠶᠢᠨ᠎ᠠ᠃ 2. ᠬᠤᠳᠠᠯᠳᠤᠭᠠᠨ ᠤ ᠬᠠᠷᠢᠴᠠᠭᠠᠨ ᠤ ᠳᠤᠮᠳᠡ ᠡᠬᠦᠰᠦᠭᠰᠡᠨ ᠬᠠᠤᠯᠢ ᠶᠢ ᠵᠦᠷᠢᠴᠡᠭᠰᠡᠨ ᠠᠵᠢᠯᠯᠠᠭ᠎ᠠ ᠶᠢ ᠰᠢᠢᠳᠪᠤᠷᠢᠯᠡᠬᠦ ᠦᠨ᠎ᠠ ᠵᠠᠰᠠᠭᠴᠢ ᠶᠢ ᠬᠦᠮᠦᠵᠢᠬᠦᠯᠬᠦ᠃ ᠡᠨᠡᠬᠦ ︽ᠦᠨ᠎ᠠ ᠵᠠᠰᠠᠭᠴᠢ︾ ᠨᠢ ᠵᠠᠪᠠᠯ ᠭᠠᠵᠠᠷ ᠳᠠᠷᠢᠶ᠎ᠠ ᠬᠤᠳᠠᠯᠳᠤᠬᠤ ᠬᠠᠤᠯᠢ ᠠᠴᠠ ᠵᠤᠷᠢᠴᠡᠬᠦ ᠠᠵᠢᠯᠯᠠᠭ᠎ᠠ ᠶᠢᠨ ᠳᠤᠬᠠᠢ ᠵᠢᠱᠢᠶ᠎ᠠ ᠶᠢ ᠮᠡᠳᠡᠬᠦ ᠬᠡᠷᠡᠭᠳᠡᠢ ᠭᠡᠵᠦ ᠱᠠᠭᠠᠷᠳᠠᠳᠠᠭ᠃ ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号