ᠮᠢᠩᠭᠠᠳᠤ ᠶᠢᠨ ᠲᠦᠷᠢᠮ
ᠨᠡᠶᠢᠲᠡᠯᠡᠭᠰᠡᠨ ᠴᠠᠭ᠄
2020/7/30
ᠮᠢᠩᠭᠠᠳᠤ ᠶᠢᠨ ᠲᠦᠷᠢᠮ ᠤᠤᠯ ᠨᠢ ᠵᠦᠷᠴᠢᠨ ᠦᠨᠳᠤᠰᠤᠳᠡᠨ ᠤ ᠠᠶᠢᠮᠠᠭ ᠤᠨ ᠬᠤᠯᠪᠤᠭ᠎ᠠ ᠶᠢᠨ ᠵᠤᠬᠢᠶᠠᠨ ᠪᠠᠶᠢᠭᠤᠯᠤᠯᠳᠠ ᠶᠢᠨ ᠬᠡᠯᠪᠡᠷᠢ ᠪᠠᠶᠢᠪᠠ᠂ ᠰᠡᠭᠦᠯᠡᠷ ᠨᠢ ᠮᠤᠩᠭᠤᠯ ᠤᠭᠰᠠᠭᠠᠳᠠᠨ ᠪᠤᠯᠬᠤ ᠭᠡᠷᠡᠶᠢᠳ ᠠᠶᠢᠮᠠᠭ ᠴᠤ ᠬᠡᠷᠡᠭᠯᠡᠵᠦ ᠦᠩᠭᠡᠷᠡᠭᠰᠡᠨ ᠪᠢᠯᠡ᠃ ᠴᠢᠩᠬᠢᠰ ᠬᠠᠭᠠᠨ 1204 ᠤᠨ ᠳᠤ ᠨᠠᠢᠮᠠᠨ ᠠᠶᠢᠮᠠᠭ ᠲᠤ ᠴᠡᠷᠢᠭᠯᠡᠬᠦ ᠠᠴᠠ ᠡᠮᠦᠨ᠎ᠡ ᠨᠢᠭᠡᠨᠳᠡ ᠮᠢᠩᠭᠠᠳᠤ ᠶᠢᠨ ᠲᠦᠷᠢᠮ ᠢ ᠵᠠᠷᠢᠯᠢᠭᠳᠠᠨ ᠬᠡᠷᠡᠭᠵᠢᠬᠦᠯᠵᠦ᠂ 1206 ᠤᠨ ᠳᠤ ᠮᠤᠩᠭᠤᠯ ᠬᠠᠭᠠᠨᠳᠤ ᠤᠯᠤᠰ ᠢ ᠪᠠᠶᠢᠭᠤᠯᠤᠭᠰᠠᠨ ᠤ ᠳᠠᠷᠠᠭ᠎ᠠ ᠤᠯᠠᠮ ᠳᠡᠬᠦᠯᠳᠡᠷᠵᠢᠪᠡ᠃ ᠡᠨᠡᠬᠦ ᠲᠦᠷᠢᠮ ᠳᠤ ᠮᠤᠩᠭᠤᠯ ᠦᠨᠳᠤᠰᠤᠳᠡᠨ ᠤ ᠬᠦᠮᠦᠨ ᠠᠮᠠ ᠶᠢ ᠲᠦᠮᠡᠳᠤ᠂ ᠮᠢᠩᠭᠠᠳᠤ᠂ ᠵᠠᠭᠤᠳᠤ᠂ ᠠᠷᠪᠠᠳᠤ ᠬᠡᠮᠡᠨ ᠬᠤᠪᠢᠶᠠᠵᠦ᠂ ᠳᠤᠰ ᠳᠤᠰ ᠲᠤᠨᠢ ᠨᠤᠶᠠᠳ ᠡᠷᠬᠦᠮᠵᠢᠯᠡᠵᠦ᠂ ᠳᠡᠰ ᠳᠡᠰ  ᠢᠶᠠᠷ ᠬᠠᠮᠢᠶᠠᠷᠤᠭᠤᠯᠪᠠ᠃ ᠳᠡᠭᠡᠬᠦ ᠳᠡᠭᠡᠨ ᠤᠤᠯ ᠤᠨ ᠠᠶᠢᠮᠠᠭ ᠢᠶᠠᠷ ᠨᠢ ᠮᠢᠩᠭᠠᠳᠤ ᠪᠤᠯᠭᠠᠬᠤ ᠪᠤᠶᠤ ᠡᠯ᠎ᠡ ᠠᠶᠢᠮᠠᠭ ᠢ ᠬᠤᠯᠢᠯᠳᠤᠭᠤᠯᠤᠨ ᠮᠢᠩᠭᠠᠳᠤ ᠪᠤᠯᠭᠠᠵᠦ᠂ ᠨᠡᠶᠢᠳᠡ ᠶᠡᠷᠡᠨ ᠳᠠᠪᠤᠨ ᠮᠢᠩᠭᠠᠳᠤ ᠶᠢ ᠵᠤᠬᠢᠶᠠᠨ ᠪᠠᠶᠢᠭᠤᠯᠵᠦ᠂ ᠲᠦᠮᠡᠳᠤ ᠮᠢᠩᠭᠠᠳᠤ ᠶᠢᠨ ᠨᠤᠶᠠᠳ ᠢ ᠶᠡᠭᠡ ᠬᠠᠭᠠᠨ ᠠᠴᠠ ᠡᠷᠭᠦᠮᠵᠢᠯᠡᠨ ᠳᠤᠮᠢᠯᠠᠵᠦ᠂ ᠳᠤᠰᠢᠶᠠᠯ ᠢᠶᠠᠨ ᠦᠶ᠎ᠡ ᠤᠯᠠᠷᠢᠨ ᠵᠠᠯᠭᠠᠮᠵᠢᠯᠠᠵᠦ ᠪᠠᠶᠢᠪᠠ᠃ ᠮᠢᠩᠭᠠᠳᠤ ᠶᠢᠨ ᠲᠦᠷᠢᠮ ᠨᠢ ᠡᠬᠢᠨ ᠳᠡᠭᠡᠨ ᠭᠠᠭᠴᠠᠬᠦ ᠴᠡᠷᠢᠭ ᠤᠨ ᠶᠠᠪᠤᠳᠠᠯ ᠤᠨ ᠰᠢᠨᠵᠢ ᠲᠠᠢ ᠪᠠᠶᠢᠭᠰᠠᠨ ᠢᠶᠠᠨ ᠬᠤᠵᠢᠮ ᠨᠢ ᠤᠯᠠᠷᠢᠵᠦ ᠴᠡᠷᠢᠭ ᠵᠠᠰᠠᠭ ᠨᠢᠭᠡᠳᠤᠭ᠍ᠰᠡᠨ ᠵᠤᠬᠢᠶᠠᠨ ᠪᠠᠶᠢᠭᠤᠯᠤᠯᠳᠠ ᠪᠤᠯᠪᠠ᠃ᠪᠡᠯᠡᠳᠬᠡᠭᠰᠡᠨ ᠨᠢ᠄ ᠡᠷᠳᠡᠨᠢᠬᠦᠦ ᠨᠠᠶᠢᠷᠠᠭᠤᠯᠤᠭᠰᠠᠨ ᠨᠢ᠄ ᠨᠠᠮᠤᠷ ᠬᠢᠨᠠᠭᠰᠠᠨ ᠨᠢ᠄ ᠤᠷᠢᠬᠠᠨ  
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号