ᠡᠷᠲᠡᠨ ᠤ ᠮᠤᠩᠭᠤᠯ ᠴᠡᠷᠢᠭ ᠤᠨ ︿︿ᠠᠨᠳᠠᠭᠠᠶᠢᠯᠠᠬᠤ ᠪᠦᠵᠢᠭ﹀﹀ᠦ᠊᠂
ᠨᠡᠶᠢᠲᠡᠯᠡᠭᠰᠡᠨ ᠴᠠᠭ᠄
2020/8/25
    ︿︿ᠠᠨᠳᠠᠭᠠᠶᠢᠯᠠᠬᠤ ᠪᠦᠵᠢᠭ﹀﹀ ᠨᠢ ᠶᠡᠷᠦᠳᠡᠭᠡᠨ ᠲᠠᠶᠢᠨ ᠳᠤ ᠮᠤᠷᠳᠠᠬᠤ ᠠᠴᠠ ᠡᠮᠦᠨ᠎ᠡ᠂ ᠴᠡᠷᠢᠭ ᠲᠠᠶᠢᠨ ᠤ ᠬᠠᠮᠤᠭ ᠤᠨ ᠳᠡᠭᠡᠳᠦ ᠮᠠᠩᠯᠠᠶᠢᠯᠠᠭᠴᠢ ᠶᠢᠨ ᠵᠠᠬᠢᠷᠤᠯ ᠳᠤᠤᠷ᠎ᠠ ᠶᠠᠪᠤᠭᠳᠠᠳᠠᠭ ᠬᠠᠮᠲᠤ ᠶᠢᠨ ᠪᠦᠵᠢᠭ ᠪᠤᠯᠤᠨ᠎ᠠ᠃ ᠲᠠᠷᠤᠢ ᠡᠯ᠎ᠡ ᠠᠶᠢᠮᠠᠭ ᠪᠦᠯᠦᠭ ᠤᠳ ᠤᠨ ᠬᠠᠮᠲᠤ ᠶᠢᠨ ᠵᠤᠷᠢᠯᠲᠠ ᠪᠠᠨ ᠪᠡᠶᠡᠯᠡᠭᠦᠯᠬᠦ ᠪᠠᠷ ᠠᠨᠳᠠᠭᠠᠶᠢᠯᠠᠨ ᠪᠦᠵᠢᠭᠯᠡᠳᠡᠭ ᠪᠦᠵᠢᠭ ᠪᠢᠯᠠ᠃ ᠵᠢᠱᠢᠶᠡᠯᠡᠪᠡᠯ᠂ ᠠᠷᠪᠠᠨ ᠭᠤᠷᠪᠠᠳᠤᠭᠠᠷ ᠵᠠᠭᠤᠨ ᠤ ᠦᠶ᠎ᠡ ᠳᠤ ᠳᠠᠶᠢᠨ ᠪᠠᠶᠢᠯᠳᠤᠭᠠᠨ ᠳᠤ ᠰᠢᠨᠤᠮᠠᠭ ᠱᠠᠯᠠᠮᠠᠭᠠᠢ ᠪᠠᠶᠢᠳᠠᠭ ᠬᠦᠷ ᠬᠠᠨ ᠵᠠᠮᠤᠬ᠎ᠠ ᠦᠢ ᠲᠦᠮᠡᠨ ᠴᠡᠷᠢᠭ ᠳᠠᠶᠢᠴᠢᠯᠠᠵᠤ᠂ ᠲᠤᠤᠯᠠ ᠭᠤᠤᠯ ᠤᠨ ᠬᠦᠪᠡᠭᠡᠨ᠎ᠡ ᠴᠢᠭᠤᠯᠭᠠᠨ ᠪᠤᠯᠵᠤ᠂ ᠡᠷᠭᠢ ᠶᠢ ᠳᠡᠪᠰᠡᠨ ᠤᠢ ᠶᠢ ᠴᠠᠪᠴᠢᠵᠤ ᠠᠨᠳᠠᠭᠠᠶᠢᠯᠠᠨ ᠪᠦᠵᠢᠭᠯᠡᠵᠠᠢ᠃ ᠡᠨᠡ ᠨᠢ ᠮᠦᠨ ᠡᠷᠲᠡᠨ ᠤ ᠮᠤᠩᠭᠤᠯᠴᠤᠳ ᠤᠨ ᠰᠦᠷ ᠳᠠᠯᠠᠶᠢᠴᠠ ᠲᠠᠢ ᠴᠡᠷᠢᠭ ᠳᠠᠶᠢᠨ ᠤ ᠬᠠᠮᠲᠤ ᠶᠢᠨ ᠪᠦᠵᠢᠭ ᠤᠨ ᠲᠦᠷᠦᠯ ᠪᠤᠯᠤᠨ᠎ᠠ ᠭᠡᠵᠦ ᠲᠡᠮᠳᠡᠭᠯᠡᠭᠳᠡᠵᠦ ᠪᠠᠶᠢᠳᠠᠭ︔ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号