2010 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
ᠨᠢᠭᠡ᠂ 2009 ᠤᠨ ᠤ ᠠᠵᠢᠯ ᠤᠨ ᠡᠷᠭᠢᠴᠡᠭᠦᠯᠥᠯ2009 ᠤᠨ ᠪᠤᠯ ᠪᠢᠳᠠ ᠬᠠᠳᠠᠭᠤᠵᠢᠯᠳᠠᠢ ᠲᠡᠮᠡᠴᠡᠨ᠂ ᠬᠠᠲᠠᠭᠤ ᠰᠢᠯᠭᠠᠯᠳᠠ ᠶᠢ ᠦᠩᠭᠡᠷᠡᠭᠡᠭᠰᠡᠨ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ  ᠤ ᠵᠦᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠰᠢᠨᠵᠢᠯᠡᠭᠦ ᠤᠬᠠᠭᠠᠨᠴᠢ ᠬᠦᠭᠵᠢᠯᠳᠠ ᠶᠢᠨ ᠦᠵᠡᠯᠳᠠ ᠪᠠᠷ ᠪᠦᠬᠦ ᠲᠠᠯ᠎ᠠ ᠶᠢ ᠨᠢᠭᠡᠳᠤᠯᠳᠠᠢ ᠤᠳᠤᠷᠢᠳᠤᠨ᠂ ᠪᠦᠬᠦ ᠬᠤᠰᠢᠭᠤᠨ ᠤ ᠦᠨᠳᠤᠰᠤᠳᠡᠨ ᠨᠦᠭᠦᠳ ᠤᠨ ᠺᠠᠳ᠋ᠷ ᠲᠦᠮᠡᠨ ᠢ ᠪᠦᠯᠬᠦᠮᠳᠡᠭᠦᠯᠥᠨ ᠲᠠᠶᠢᠴᠢᠯᠡᠵᠥ᠂ ᠢᠳᠡᠭᠡᠯ ᠵᠤᠷᠢᠭ ᠢᠶᠠᠨ ᠬᠦᠪᠴᠢᠯᠡᠨ᠂ ᠬᠦᠴᠢᠷ ᠢ ᠢᠯᠠᠨ ᠤᠷᠤᠭᠰᠢᠯᠠᠵᠥ᠂ ᠴᠠᠭ   ᠤᠨ ᠪᠠᠶᠢᠳᠠᠯ  ᠤᠨ ᠬᠦᠴᠢᠷ ᠢ ᠬᠠᠮᠳᠤᠪᠠᠷ ᠲᠤᠭᠤᠯᠤᠨ᠂ ᠨᠡᠮᠡᠭᠳᠡᠯ ᠢ ᠪᠠᠲᠥᠯᠡᠬᠤ᠂ ᠠᠷᠠᠳ ᠤᠨ ᠠᠮᠢᠳᠤᠷᠠᠯ ᠢ ᠪᠠᠲᠤᠯᠠᠬᠤ ᠪᠠ ᠳᠤᠭᠳᠠᠭᠤᠨ ᠢ ᠪᠠᠲᠤᠯᠠᠬᠤ ᠡᠯ᠎ᠠ ᠲᠦᠷᠤᠯ ᠤᠨ ᠠᠵᠢᠯ  ᠢ ᠰᠠᠶᠢᠲᠤᠷ ᠬᠢᠵᠥ᠂ ᠠᠵᠥ ᠠᠬᠤᠢ ᠶᠢᠨ ᠪᠠᠶᠢᠳᠠᠯ ᠰᠠᠶᠢᠵᠢᠷᠠᠬᠤ ᠬᠠᠨᠳᠤᠰᠢ ᠲᠠᠰᠤᠷᠠᠯᠳᠠ ᠦᠭᠡᠢ ᠪᠠᠬᠢᠵᠢᠨ᠂ ᠠᠵᠥ ᠠᠬᠤᠢ ᠨᠠᠶᠢᠬᠡᠮ ᠤᠨ ᠬᠦᠭᠵᠢᠯᠳᠠ ᠰᠢᠨ᠎ᠡ ᠠᠮᠵᠢᠯᠳᠠ ᠣᠯᠪᠠ᠃ ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠤᠩᠬᠡᠢ ᠦᠷᠳᠡᠭ ᠢ ᠵᠢᠱᠢᠯᠳᠠ ᠪᠠᠷ 82.85 ᠳ᠋ᠦᠡᠭᠰᠢᠭᠤᠷ ᠲᠦᠭᠦᠷᠢᠭ ᠪᠡᠶᠡᠯᠡᠭᠦᠯᠵᠥ 31.7% ᠪᠠᠷ ᠨᠡᠮᠡᠭᠳᠡᠪᠡ︔12.85 ᠳ᠋ᠦᠡᠭᠰᠢᠭᠤᠷ ᠲᠦᠭᠦᠷᠢᠭ ᠤᠨ ᠡᠳ᠋ ᠤᠨ ᠵᠠᠰᠠᠭ ᠤᠨ ᠤᠷᠤᠯᠭ᠎ᠠ ᠶᠢ ᠪᠡᠶᠡᠯᠡᠭᠦᠯᠵᠥ 25% ᠪᠠᠷ ᠨᠡᠮᠡᠭᠳᠡᠪᠡ︔ ᠪᠦᠬᠦ ᠨᠡᠶᠢᠬᠡᠮ ᠤᠨ ᠲᠤᠭᠳᠠᠮᠠᠯ ᠬᠦᠷᠣᠩᠭᠡ ᠶᠢᠨ ᠪᠡᠯᠡ ᠤᠷᠤᠭᠤᠯᠤᠯᠳᠠ ᠶᠢ 60.15 ᠳ᠋ᠦᠩᠰᠢᠭᠤᠷ ᠲᠦᠭᠦᠷᠢᠭ ᠪᠡᠶᠡᠯᠡᠭᠦᠯᠵᠥ 67% ᠪᠠᠷ ᠨᠡᠮᠡᠭᠳᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠬᠡᠭᠰᠠᠨ ᠡᠵᠡᠮᠳᠡᠵᠥ ᠪᠤᠯᠬᠤ ᠤᠷᠤᠯᠭ᠎ᠠ ᠪᠠ ᠮᠠᠯᠴᠢᠨ ᠲᠠᠷᠢᠶᠠᠴᠢᠨ ᠤ ᠬᠦᠮᠦᠨ ᠪᠦᠷᠢ  ᠶᠢᠨ ᠲᠡᠭᠰᠢᠳᠭᠡᠭᠰᠡᠨ ᠴᠡᠪᠡᠷ ᠤᠷᠤᠯᠭ᠎ᠠ ᠲᠤᠰᠪᠤᠷᠢ 16516 ᠲᠦᠭᠦᠷᠢᠭ ᠪᠠ 6171 ᠲᠦᠭᠦᠷᠢᠭ  ᠲᠤ ᠬᠦᠷᠴᠥ 11% ᠪᠠ15% ᠪᠠᠷ ᠨᠡᠮᠡᠭᠳᠡᠭᠰᠡᠨ ᠪᠠᠶᠢᠨ᠎ᠠ᠃ ︵ᠨᠢᠭᠡ︶ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠲᠤᠭᠳᠠᠭᠤᠨ ᠢᠶᠠᠷ ᠬᠦᠭᠵᠢᠪᠠ᠃ ᠭᠠᠴᠠᠭᠠᠨ ︵ᠲᠤᠰᠬᠤᠨ︶  ᠤ ᠲᠡᠰ ᠤᠨ ᠨᠡᠶᠢᠳᠠ ᠶᠢᠨ ᠠᠰᠢᠭᠳᠤ ᠠᠵᠢᠯ ᠦᠢᠯᠡᠰ ᠤᠨ ᠪᠠᠶᠢᠭᠤᠯᠤᠯᠳᠠ ᠶᠢᠨ  ᠤᠴᠢᠷ ᠨᠢᠬᠡᠪᠦᠷᠢ  ᠶᠢ ᠲᠤᠰᠬᠠᠢ ᠵᠦᠪᠳᠡᠵᠥ ᠡᠳ᠋ ᠤᠨ ᠵᠠᠰᠠᠭ ᠠᠴᠠ ᠱᠠᠩᠨᠠᠨ ᠨᠦᠬᠦᠪᠦᠷᠢᠯᠡᠬᠦ ᠲᠤᠷᠰᠢᠯᠳᠠ ᠶᠢᠨ ᠴᠡᠭ  ᠤᠨ ᠠᠵᠢᠯ ᠢ ᠦᠷᠨᠢᠭᠦᠯᠪᠡ᠃ ︽ᠨᠢᠭᠡ ᠺᠠᠷᠲ ᠶᠢᠨ ᠳᠦᠷᠢᠮ︾  ᠢ ᠪᠦᠬᠦ ᠲᠠᠯ᠎ᠠ ᠪᠠᠷ ᠬᠡᠷᠡᠭᠵᠢᠬᠦᠯᠵᠤ᠂ ᠮᠠᠯᠴᠢᠨ ᠲᠠᠷᠢᠶᠠᠴᠢᠨ ᠢ ᠬᠠᠷᠠᠭᠠᠯᠵᠠᠬᠤ ᠡᠯ᠎ᠠ ᠲᠦᠷᠤᠯ ᠤᠨ ᠨᠦᠬᠦᠪᠦᠷᠢ ᠮᠦᠩᠬᠦ ᠶᠢ 2301 ᠲᠦᠮᠡᠨ ᠲᠦᠭᠦᠷᠢᠭ ᠲᠠᠷᠬᠠᠭᠠᠪᠠ᠃ ᠪᠦᠬᠦ ᠬᠤᠰᠢᠭᠤᠨ ᠤ ᠲᠠᠷᠢᠮᠠᠯ ᠤᠨ ᠶᠡᠷᠤᠩᠭᠡᠢ ᠲᠠᠯᠠᠪᠠᠢ 28 ᠲᠦᠮᠡᠨ ᠮᠤ᠋ ᠳᠤ ᠬᠦᠷᠴᠥ᠂ ᠡᠬᠦᠨ ᠳᠤ ᠠᠮᠤ ᠪᠤᠳᠠᠭᠠᠨ ᠤ ᠲᠠᠷᠢᠮᠠᠯ 19.2 ᠲᠦᠮᠡᠨ ᠮᠤ᠋ ᠪᠠᠶᠢᠵᠥ ᠶᠡᠷᠤᠩᠬᠡᠢ ᠤᠨᠠᠯᠳᠠ ᠨᠢ 9673 ᠲᠦᠮᠠᠨ ᠺᠢᠯᠤᠭ᠍ᠷᠠᠮ ᠳᠤ ᠬᠦᠷᠪᠡ᠃ ᠲᠤᠮᠳᠠ ᠲᠤᠤᠷ᠎ᠠ ᠤᠨᠠᠯᠳᠠ ᠲᠠᠢ 2.7 ᠲᠦᠮᠡᠨ ᠮᠤ᠋ ᠳᠠᠷᠢᠶᠠᠨ ᠭᠠᠵᠠᠷ ᠢ ᠦᠭᠡᠷᠡᠴᠢᠯᠡᠵᠥ᠂ 1.5 ᠲᠦᠮᠠᠨ ᠮᠤ᠋ ᠤᠰᠤ ᠠᠷᠪᠢᠯᠠᠵᠤ ᠤᠰᠤᠯᠠᠬᠤ ᠳᠠᠷᠢᠶᠠᠨ ᠭᠠᠵᠠᠷ ᠢ ᠨᠡᠮᠡᠭᠳᠡᠬᠦᠯᠪᠡ᠃ ᠬᠤᠸᠠ ᠰᠢᠶᠠᠩ᠂ ᠬᠤᠸᠠ ᠢᠤᠢ᠂ ᠯᠢᠦᠢ ᠵᠸᠥ ᠵᠡᠷᠭᠡ ᠳᠠᠭᠠᠭᠤᠯᠤᠭᠴᠢ ᠠᠵᠥ ᠠᠬᠤᠶᠢᠯᠠᠯ  ᠢ ᠳᠡᠳᠬᠦᠨ ᠪᠤᠵᠠᠭᠠᠶᠢᠷᠠᠭᠤᠯᠵᠤ᠂ ᠦᠪᠡᠷᠳᠡᠭᠡᠨ ᠵᠠᠰᠠᠬᠤ ᠤᠷᠤᠨ ᠤ ᠲᠠᠰ ᠤᠨ ᠳᠠᠭᠠᠭᠤᠯᠤᠭᠴᠢ ᠠᠵᠤ ᠠᠬᠤᠶᠢᠯᠠᠯ 5 ᠪᠤᠯᠵᠤ ᠨᠡᠮᠡᠭᠳᠡᠭᠰᠡᠨ ᠪᠠᠶᠢᠨ᠎ᠠ᠃ ᠠᠵᠢᠯᠯᠠᠭ᠎ᠠ ᠨᠢ ᠳᠦᠷᠢᠮᠵᠢᠭᠰᠡᠨ᠂ ᠵᠤᠬᠢᠬᠤ ᠲᠠᠶᠢᠴᠢᠯᠠᠬᠤ ᠴᠢᠳᠠᠪᠦᠷᠢ ᠲᠠᠢ 20 ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶᠠᠵᠢᠭᠰᠠᠨ ᠵᠤᠬᠢᠶᠠᠨ ᠪᠠᠶᠢᠭᠤᠯᠤᠯᠳᠠ ᠶᠢ ᠪᠤᠶᠢᠵᠢᠭᠤᠯᠪᠠ᠃ ᠰᠢᠯᠢᠳᠡᠭ ᠳᠠᠷᠢᠶᠠᠨ ᠦᠷ᠎ᠡ ᠳᠤ ᠨᠦᠬᠦᠪᠦᠷᠢ ᠦᠭᠬᠦ ᠪᠠ ᠡᠷᠳᠡᠨᠢ ᠰᠢᠰᠢ ᠶᠢ ᠨᠤᠭᠤᠭᠠᠨ ᠢᠶᠠᠷ ᠨᠢ ᠳᠠᠷᠤᠰᠢᠭᠤᠯᠬᠤ ᠮᠡᠷᠬᠡᠵᠢᠯ  ᠢ ᠲᠦᠭᠡᠮᠡᠯᠵᠢᠬᠦᠯᠬᠦ  ᠪᠠᠷ ᠲᠠᠮᠵᠢᠨ ᠦᠨᠳᠥᠷ ᠦᠷ᠎ᠠ ᠠᠰᠢᠭᠲᠦ ᠲᠠᠵᠢᠭᠡᠨ ᠦᠷᠠᠵᠢᠭᠦᠯᠬᠦ ᠦᠢᠯᠡᠰ ᠤᠨ ᠲᠦᠷᠭᠡᠨ ᠬᠦᠭᠵᠢᠯᠳᠠ ᠶᠢ ᠠᠬᠢᠭᠤᠯᠪᠠ᠃ ᠵᠢᠷᠭᠤᠳᠤᠭᠠᠷ ᠰᠠᠷ᠎ᠠ ᠶᠢᠨ ᠡᠴᠤᠰ ᠢᠶᠠᠷ ᠮᠠᠯ ᠤᠨ ᠶᠡᠷᠦᠩᠬᠡᠢ ᠳᠤᠭ᠎ᠠ 122 ᠳᠦᠮᠡᠨ ᠳᠤᠯᠤᠭᠠᠢ ᠳᠤ ᠬᠦᠷᠴᠥ᠂ ᠡᠬᠦᠨ ᠳᠤ ᠬᠠᠰᠢᠶᠠᠯᠡᠵᠥ ᠲᠠᠵᠢᠭᠡᠨ ᠦᠷᠡᠵᠢᠬᠦᠯᠦᠭᠰᠡᠨ ᠬᠡᠪᠴᠢᠶ᠎ᠡ 61 ᠲᠦᠮᠡᠨ ᠲᠤᠯᠤᠭᠠᠢ ᠳᠤ ᠬᠦᠷᠪᠡ︔ ᠵᠢᠯ ᠤᠨ ᠡᠴᠥᠰ ᠲᠤ 48 ᠲᠦᠮᠡᠨ ᠲᠤᠯᠤᠭᠠᠢ ᠮᠠᠯ ᠰᠢᠢᠳᠪᠦᠷᠢᠯᠡᠵᠤ᠂ ᠰᠢᠢᠳᠪᠦᠷᠢᠯᠡᠯᠳᠡ  ᠶᠢᠨ ᠨᠤᠷᠮ᠎ᠠ ᠨᠢ 47.8% ᠳᠤ ᠬᠦᠷᠪᠡ᠃ ᠴᠠᠭᠠᠨ ᠭᠤᠶᠤᠤ ᠶᠢ ᠪᠢᠳᠡᠬᠦᠮᠵᠢᠯᠡᠨ ᠳᠠᠷᠢᠭᠰᠠᠨ ᠵᠠᠭ ᠤᠨ ᠤᠢ 18 ᠲᠦᠮᠡᠨ ᠮᠤ᠋ ᠳᠤ ᠬᠦᠷᠴᠥ᠂ ᠴᠠᠭᠠᠨ ᠭᠤᠶᠤᠤ ᠶᠢᠨ ᠵᠢᠯ ᠤᠨ ᠭᠠᠷᠥᠯᠳᠠ 1200 ᠲᠤᠨ ᠳᠤ ᠬᠦᠷᠪᠡ︔ ᠴᠠᠭᠠᠨ ᠭᠤᠶᠤᠤ ᠶᠢᠨ ᠠᠷᠢᠬᠢ᠂ ᠴᠠᠭᠠᠨ ᠭᠤᠶᠤᠤ ᠶᠢᠨ ᠴᠠᠢ ᠵᠡᠷᠭᠡ ᠠᠯᠢ ᠤᠯᠠᠨ ᠡᠷᠡᠭᠦᠯᠵᠢᠯ ᠤᠨ ᠦᠢᠯᠡᠳᠬᠦᠨ  ᠢ ᠨᠡᠬᠡᠬᠡᠨ ᠦᠢᠯᠡᠳᠪᠦᠷᠢᠯᠡᠪᠡ᠃ 1.5 ᠲᠦᠮᠡᠨ ᠮᠤ᠋ ᠤᠯᠠᠭᠠᠨ ᠭᠤᠶᠤᠤ  ᠶᠢᠨ ᠦᠷ᠎ᠡ  ᠶᠢ ᠪᠤᠶᠢᠵᠢᠭᠤᠯᠤᠨ ᠳᠠᠷᠢᠪᠠ᠃ ᠮᠠᠯᠵᠢᠬᠤ ᠶᠢ ᠵᠤᠭᠰᠤᠭᠠᠨ ᠪᠡᠯᠴᠢᠭᠡᠷ ᠰᠡᠷᠭᠦᠭᠡᠬᠦ  ᠂ ᠨᠠᠮᠤᠭ ᠤᠨ ᠬᠡᠢ ᠬᠡᠷᠡᠭᠯᠡᠬᠦ᠂ ᠬᠦᠷᠤᠰᠤᠨ ᠤ ᠰᠢᠮ᠎ᠠ ᠶᠢ ᠦᠨᠳᠦᠰᠦᠯᠡᠨ ᠪᠤᠷᠳᠤᠭᠤᠷ ᠤᠷᠤᠭᠤᠯᠬᠤ ᠵᠡᠷᠭᠡ ᠭᠤᠤᠯᠳᠠᠯᠭ᠎ᠠ  ᠲᠠᠢ ᠲᠦᠷᠤᠯ ᠵᠤᠶᠢᠯ ᠢ ᠠᠮᠵᠢᠯᠳᠠᠳᠠᠢ ᠲᠠᠭᠤᠰᠬᠠᠪᠠ᠃ ᠠᠮᠢᠳᠠᠨ ᠤᠷᠭᠤᠮᠠᠯ ᠤᠨ ᠬᠦᠨᠳᠦ ᠬᠢᠵᠢᠭ ᠢ ᠰᠡᠷᠭᠡᠶᠢᠯᠡᠭᠰᠡᠨ ᠦᠷ᠎ᠠ ᠪᠦᠳᠥᠮᠵᠢ ᠢᠯᠡᠷᠭᠡᠢ ᠰᠠᠶᠢᠨ ᠪᠤᠯᠪᠠ᠃ ︵ᠬᠤᠶᠠᠷ︶ ᠠᠵᠥ ᠦᠢᠯᠡᠳᠪᠦᠷᠢ ᠶᠢᠨ ᠠᠵᠥ ᠠᠬᠤᠢ ᠦᠷᠭᠦᠯᠵᠢᠯᠡᠨ ᠨᠡᠮᠡᠭᠳᠡᠪᠡ᠃ ᠬᠤᠷᠸ᠎ᠠ ᠪᠠᠶᠢᠳᠠᠯ ᠤᠨ ᠬᠤᠪᠢᠷᠠᠯᠳᠠ ᠳᠤ ᠨᠠᠶᠢᠴᠡᠭᠦᠯᠵᠥ᠂ ᠡᠯ᠎ᠠ ᠲᠦᠷᠥᠯ ᠤᠨ ᠲᠡᠳᠬᠦᠬᠦ ᠲᠦᠷᠥ  ᠶᠢᠨ ᠪᠤᠳᠥᠯᠭ᠎ᠠ ᠶᠢ ᠬᠢᠨᠠᠮᠠᠭᠠᠢ ᠨᠡᠶᠢᠳᠡᠪᠦᠷᠢᠵᠢᠭᠤᠯᠥᠨ᠂ ᠵᠢᠭᠡᠯᠡᠯᠭᠡ ᠶᠢ ᠪᠠᠳᠤᠯᠠᠬᠤ ᠬᠡᠪᠴᠢᠶ᠎ᠠ ᠪᠠᠨ ᠦᠷᠭᠡᠳᠬᠡᠬᠦ᠂ ᠵᠠᠰᠠᠭ ᠵᠠᠬᠢᠷᠭᠠᠨ ᠤ ᠴᠢᠨᠠᠷᠳᠠᠢ ᠲᠦᠷᠢᠮᠵᠢᠭᠰᠡᠨ ᠰᠦᠢᠳᠬᠡᠯ ᠢ ᠬᠠᠰᠤᠵᠥ ᠬᠡᠯᠳᠤᠷᠢᠬᠦᠯᠬᠦ᠂ ᠦᠢᠯᠡᠴᠢᠯᠡᠭᠡ ᠪᠠᠨ ᠰᠢᠯᠢᠳᠡᠭᠵᠢᠬᠦᠯᠬᠦ ᠵᠡᠷᠭᠡ ᠠᠷᠭ᠎ᠠ ᠬᠡᠮᠵᠢᠶ᠎ᠠ ᠠᠪᠴᠥ᠂ ᠠᠵᠥ ᠠᠬᠤᠶᠢᠯᠠᠯ ᠢ ᠲᠠᠮᠵᠢᠨ ᠬᠦᠴᠢᠷᠳᠡᠯ  ᠢ ᠳᠤᠭᠤᠯᠵᠤ᠂ ᠬᠦᠭᠵᠢᠯᠳᠠ  ᠶᠢ ᠨᠢ ᠲᠦᠷᠭᠡᠳᠬᠡᠭᠰᠡᠨ ᠠᠴᠠ ᠠᠵᠥ ᠦᠢᠯᠡᠳᠪᠦᠷᠢ ᠶᠢᠨ ᠠᠵᠥ ᠠᠬᠤᠢ ᠪᠦᠬᠦ ᠬᠤᠰᠢᠭᠤᠨ ᠤ ᠠᠵᠥ ᠠᠬᠤᠢ ᠶᠢᠨ ᠨᠡᠮᠡᠭᠳᠡᠯ ᠢ ᠦᠷᠭᠦᠯᠵᠢᠯᠡᠨ ᠲᠠᠶᠢᠴᠢᠯᠠᠪᠠ᠃ 53.6 ᠳ᠋ᠦᠩᠰᠢᠭᠤᠷ ᠲᠦᠭᠦᠷᠢᠭ  ᠤᠨ ᠠᠵᠥ ᠦᠢᠯᠡᠳᠪᠦᠷᠢ ᠶᠢᠨ ᠨᠡᠮᠡᠭᠳᠡᠯ ᠦᠷᠳᠡᠭ ᠢ ᠪᠡᠶᠡᠯᠡᠭᠦᠯᠵᠥ 40%  ᠪᠠᠷ ᠨᠡᠮᠡᠭᠳᠡᠨ᠂ ᠠᠵᠥ ᠦᠢᠯᠡᠳᠪᠥᠷᠢ  ᠠᠴᠠ ᠡᠳ᠋ ᠤᠨ ᠵᠠᠰᠠᠭ ᠲᠤ ᠦᠵᠡᠭᠦᠯᠥᠭᠰᠡᠨ ᠬᠤᠪᠢ ᠨᠡᠮᠡᠷᠢ ᠶᠢᠨ ᠨᠤᠷᠮ᠎ᠠ 74 % ᠳᠤ ᠬᠦᠷᠪᠡ᠃ 22 ᠭᠤᠤᠯᠳᠠᠯᠭ᠎ᠠ ᠲᠠᠢ ᠠᠵᠤ ᠤᠶᠢᠯᠡᠳᠪᠦᠷᠢ ᠶᠢᠨ ᠲᠦᠷᠤᠯ ᠵᠦᠢᠯ ᠢ ᠬᠡᠷᠡᠭᠵᠢᠬᠦᠯᠵᠥ᠂ 21.6 ᠳ᠋ᠦᠩᠰᠢᠭᠤᠷ ᠲᠦᠭᠦᠷᠢᠭ  ᠤᠨ ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ  ᠶᠢ  ᠪᠡᠶᠡᠯᠡᠬᠦᠯᠪᠠ᠃ ᠰᠢᠶᠠᠩᠭᠠᠩ ᠤᠨ ᠯᠢ ᠶᠤᠸᠠᠨ ᠤ 2 ᠲᠦᠮᠡᠨ ᠲᠤᠨ ᠤ ᠪᠤᠳᠤᠭ ᠪᠠ 2 ᠲᠦᠮᠡᠨ ᠲᠤᠨ ᠤ ᠪᠤᠳᠤᠭ ᠤᠨ ᠵᠠᠪᠰᠠᠷ  ᠤᠨ ᠡᠳ᠋᠂ ᠶᠢᠨ ᠰᠢᠩ ᠤᠨ 5 ᠲᠦᠮᠡᠨ ᠺᠢᠯᠤᠸᠠᠲ ᠤᠨ ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠵᠡᠷᠭᠡ 7 ᠰᠢᠨ᠎ᠠ ᠪᠠᠷ ᠪᠠᠶᠢᠭᠤᠯᠬᠤ ᠲᠦᠷᠤᠯ ᠵᠤᠶᠢᠯ  ᠤᠨ ᠪᠠᠷᠢᠯᠭ᠎ᠠ ᠶᠢ ᠲᠠᠭᠤᠰᠬᠠᠨ ᠠᠰᠢᠭᠯᠠᠯᠳᠠ ᠳᠤ ᠤᠷᠤᠭᠤᠯᠵᠤ᠂ ᠲᠠᠢ ᠰᠢ ᠨᠡᠭᠦᠷᠡᠰᠥᠨ ᠤ ᠪᠦᠯᠥᠭᠯᠡᠯ ᠤᠨ 300 ᠲᠦᠮᠡᠨ ᠲᠤᠨ᠂ ᠴᠢᠩ ᠬᠤᠸᠠ ᠪᠦᠯᠦᠭᠯᠡᠯ ᠤᠨ ᠪᠠᠢ ᠯᠢᠩ ᠤᠨ 180 ᠲᠦᠮᠡᠨ ᠲᠤᠨ᠂ ᠹᠦ᠋ ᠴᠢᠤᠸᠠᠨ ᠤ 90 ᠲᠦᠮᠡᠨ ᠲᠤᠨ᠂ ᠯᠠᠨ  ᠲᠠᠢ ᠶᠢᠨ 60 ᠲᠦᠮᠡᠨ ᠲᠤᠨ ᠵᠡᠷᠭᠡ ᠨᠡᠭᠦᠷᠡᠰᠤᠨ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠡᠯᠳᠠ ᠪᠠ ᠦᠷᠬᠡᠳᠬᠡᠬᠦ ᠪᠠᠶᠢᠭᠤᠯᠤᠯᠳᠠ ᠯᠠᠪᠳᠠᠭᠤᠨ ᠢᠶᠠᠷ ᠬᠡᠷᠡᠭᠵᠢᠬᠦᠯᠥᠭᠳᠡᠪᠡ᠃ ᠲᠡᠭᠷᠢ ᠶᠢᠨ ᠠᠵᠤ ᠦᠢᠯᠡᠳᠪᠦᠷᠢ ᠶᠢᠨ ᠲᠤᠭᠤᠷᠢᠭ ᠤᠨ ᠵᠠᠮ ᠵᠠᠰᠠᠬᠤ᠂ ᠨᠤᠭᠤᠭᠠᠷᠠᠭᠤᠯᠬᠤ᠂ ᠪᠤᠬᠢᠷ ᠤᠰᠤ ᠭᠠᠳᠠᠭᠰᠢᠯᠠᠭᠤᠯᠬᠤ ᠵᠡᠷᠭᠡ ᠰᠠᠭᠤᠷᠢ ᠲᠦᠬᠦᠭᠡᠷᠤᠮᠵᠢ ᠶᠢᠨ ᠪᠠᠶᠢᠭᠤᠯᠤᠯᠳᠠ ᠶᠢ ᠴᠢᠩᠭᠠᠳᠬᠠᠵᠥ᠂ ᠠᠵᠤ ᠦᠢᠯᠡᠰ  ᠤᠨ ᠰᠢᠯᠵᠢᠯᠳᠡ  ᠶᠢ ᠵᠠᠯᠭᠠᠮᠵᠢᠯᠠᠬᠤ ᠴᠢᠳᠠᠪᠤᠷᠢ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠪᠡ᠃ ᠤᠯᠠᠨᠪᠤᠯᠠᠭ ᠤᠨ ᠠᠵᠤ ᠦᠢᠯᠡᠰ ᠤᠨ ᠲᠤᠭᠤᠷᠢᠭ ᠤᠨ ᠲᠦᠯᠦᠪᠵᠢᠬᠦᠯᠭᠡ  ᠶᠢᠨ ᠪᠦᠳᠦᠬᠡᠨ ᠪᠠᠶᠢᠭᠤᠯᠤᠯᠳᠠ ᠶᠢ ᠡᠬᠢᠯᠡᠭᠦᠯᠪᠠ᠃ ᠠᠷᠠᠯᠵᠢᠶᠠᠴᠢᠨ ᠤᠷᠢᠵᠥ ᠪᠡᠯᠠ ᠤᠷᠤᠭᠤᠯᠬᠤ ᠠᠵᠢᠯ ᠰᠢᠨ᠎ᠠ ᠠᠬᠢᠴᠠ  ᠲᠠᠢ ᠪᠤᠯᠵᠤ᠂ ᠪᠤᠳᠠᠳᠠᠢ ᠤᠷᠤᠭᠤᠯᠤᠭᠰᠠᠨ ᠪᠠᠯᠡ ᠮᠦᠩᠭᠦ 11.2 ᠳ᠋ᠦᠩᠰᠢᠭᠤᠷ ᠲᠦᠭᠦᠷᠢᠭ ᠲᠤ ᠬᠦᠷᠴᠥ 43% ᠪᠠᠷ ᠨᠡᠮᠡᠭᠳᠡᠪᠡ᠃ ︵ᠭᠤᠷᠪᠠ︶ ᠭᠤᠷᠪᠠᠳᠤᠭᠠᠷ ᠠᠵᠥ ᠦᠢᠯᠡᠰ ᠤᠨ ᠠᠮᠢᠵᠢᠷᠠᠯ ᠤᠨ ᠬᠦᠴᠥᠨ ᠴᠢᠩᠭᠠᠷᠠᠪᠠ᠃ ᠵᠤᠭᠠᠴᠠᠯ ᠤᠨ ᠦᠢᠯᠡᠰ ᠦᠷᠨᠢᠭᠦᠨ ᠬᠦᠭᠵᠢᠪᠡ᠃ ᠭᠤᠤᠯᠳᠠᠯᠭ᠎ᠠ ᠲᠠᠢ ᠵᠤᠭᠠᠴᠠᠯ ᠤᠨ ᠤᠷᠤᠨ  ᠤ ᠦᠵᠡᠮᠵᠢ  ᠶᠢᠨ ᠴᠡᠭ ᠵᠢᠴᠢ ᠰᠠᠭᠤᠷᠢ ᠲᠦᠬᠦᠭᠡᠷᠤᠮᠵᠢ ᠲᠠᠰᠤᠷᠠᠯᠳᠠ ᠦᠭᠡᠢ ᠲᠡᠭᠦᠯᠳᠠᠷᠵᠢᠵᠥ᠂ ᠦᠢᠯᠡᠴᠢᠯᠡᠭᠡᠨ ᠤ ᠴᠢᠳᠠᠪᠬᠢ ᠡᠳᠥᠷ ᠢᠷᠡᠭᠦᠶ᠎ᠠ ᠰᠠᠶᠢᠵᠢᠷᠠᠪᠠ ᠃ ᠮᠠᠯᠴᠢᠨ ᠲᠠᠷᠢᠶᠠᠴᠢᠨ ᠠᠶᠢᠯ ᠤᠨ ᠵᠤᠭᠠᠴᠠᠯ  ᠤᠨ ᠴᠡᠭ ᠲᠤ ᠤᠳᠤᠨ ᠲᠡᠰ ᠤᠨ ᠦᠨᠠᠯᠡᠯᠳᠠ ᠬᠢᠵᠥ᠂ ᠤᠶᠢᠯᠡᠴᠢᠯᠡᠭᠡᠨ ᠤ ᠴᠢᠨᠠᠷ ᠴᠢᠨᠰᠠᠭ᠎ᠠ ᠬᠢᠭᠡᠳ ᠲᠡᠰ ᠳᠠᠪᠬᠤᠷᠭ᠎ᠠ  ᠶᠢ ᠪᠦᠬᠦ ᠲᠠᠯ᠎ᠠ ᠪᠠᠷ ᠲᠡᠭᠡᠭᠰᠢᠯᠡᠭᠦᠯᠪᠠ᠃ ᠠᠯᠠᠱᠠ ᠶᠢᠨ ᠡᠯᠡᠰᠥ ᠮᠠᠩᠬᠠᠨ ᠤ ᠭᠠᠵᠠᠷ ᠰᠢᠨᠵᠢᠯᠡᠭᠡᠨ ᠤ ᠴᠡᠴᠡᠷᠯᠢᠭ ᠴᠤᠷ ᠤᠨ ᠭᠠᠭᠴᠠ ᠲᠡᠯᠡᠬᠡᠢ ᠶᠢᠨ ᠲᠡᠰ ᠤᠨ ᠡᠯᠡᠰᠥ ᠮᠠᠩᠬᠠᠨ ᠤ ᠭᠠᠵᠠᠷ ᠰᠢᠨᠵᠢᠯᠡᠭᠡᠨ ᠤ ᠴᠡᠴᠡᠷᠯᠢᠭ ᠪᠤᠯᠵᠤ ᠳᠡᠰ ᠲᠠᠪᠰᠢᠪᠠ᠃ ᠲᠠᠪᠤᠳᠤᠭᠠᠷ ᠬᠤᠭᠤᠴᠠᠭᠠᠨ  ᠤ ᠬᠠᠴᠢᠨ ᠴᠢᠯᠠᠭᠤᠨ ᠤ ᠰᠤᠶᠤᠯ ᠵᠤᠭᠠᠴᠠᠯ ᠤᠨ ᠨᠠᠶᠢᠷ ᠵᠢᠴᠢ ᠠᠩᠬᠠᠳᠤᠭᠠᠷ ᠬᠤᠭᠤᠴᠠᠭᠠᠨ ᠤ ᠲᠤᠮᠳᠠᠳᠦ ᠤᠯᠤᠰ ᠤᠨ ᠦᠵᠡᠮᠤᠷᠢ ᠶᠢᠨ ᠴᠢᠯᠠᠭᠤᠨ ᠤ ᠲᠡᠭᠡᠳᠥ ᠲᠠᠪᠬᠤᠷᠭ᠎ᠠ ᠶᠢᠨ ᠶᠠᠷᠢᠶᠠᠨ ᠤ ᠲᠠᠪᠴᠡᠩ  ᠢ ᠠᠮᠵᠢᠯᠳᠠᠳᠠᠢ ᠡᠷᠬᠢᠯᠡᠪᠡ᠃ ᠭᠤᠸᠠᠩᠵᠸᠥ ᠶᠢᠨ ᠤᠯᠠᠨ ᠤᠯᠤᠰ ᠤᠨ ᠵᠤᠭᠠᠴᠠᠯ ᠤᠨ ᠦᠵᠡᠰᠭᠦᠯᠡᠩ ᠤᠨ ᠬᠤᠷᠠᠯ᠂ ᠠᠩᠬᠠᠳᠤᠭᠠᠷ ᠬᠤᠭᠤᠴᠠᠭᠠᠨ ᠤ ᠨᠢᠩᠰᠢᠶᠠ ᠶᠢᠨ ᠤᠯᠠᠨ ᠤᠯᠤᠰ ᠤᠨ ᠰᠤᠶᠤᠯ ᠤᠷᠠᠯᠢᠭ ᠤᠨ ᠵᠤᠭᠠᠴᠠᠯ ᠤᠨ ᠦᠵᠡᠰᠬᠦᠯᠡᠩ  ᠤᠨ ᠬᠤᠷᠠᠯ ᠵᠡᠷᠭᠡ ᠬᠤᠷᠠᠯ ᠦᠵᠡᠬᠦᠯᠦᠯᠭᠡ ᠶᠢ ᠠᠰᠢᠭᠯᠠᠨ᠂ ᠮᠠᠨ ᠤ ᠬᠤᠰᠢᠭᠤᠨ ᠤ ᠨᠦᠯᠤᠬᠡᠯᠡᠬᠦ ᠬᠥᠴᠥᠨ ᠪᠠ ᠨᠠᠷ᠎ᠠ ᠠᠯᠳᠠᠷᠰᠢᠯ ᠢ ᠤᠯᠠᠮ ᠨᠢᠬᠡ ᠠᠯᠬᠤᠮ ᠲᠡᠭᠡᠭᠰᠢᠯᠡᠬᠦᠯᠵᠥ᠂ ᠭᠠᠵᠠᠷ ᠤᠷᠤᠨ ᠤ ᠬᠤᠭᠤᠷᠤᠨᠳᠤᠬᠢ ᠰᠤᠯᠢᠯᠴᠠᠭ᠎ᠠ ᠪᠠ ᠬᠠᠮᠳᠤᠷᠠᠯᠴᠠᠭ᠎ᠠ  ᠪᠠᠨ ᠠᠬᠢᠭᠤᠯᠪᠠ᠃ 85 ᠲᠦᠮᠡᠨ ᠵᠤᠭᠠᠴᠠᠭᠰᠠᠳ ︵ᠤᠳᠠᠭ᠎ᠠ︶ ᠢ ᠬᠦᠯᠢᠶᠡᠨ ᠵᠤᠴᠢᠯᠡᠵᠥ᠂ ᠵᠤᠭᠠᠴᠠᠯ ᠡᠷᠬᠢᠯᠡᠭᠰᠡᠨ ᠤᠷᠤᠯᠭ᠎ᠠ 4.1 ᠳ᠋ᠦᠩᠰᠢᠭᠤᠷ ᠲᠦᠭᠦᠷᠢᠭ ᠲᠤ ᠬᠦᠷᠴᠥ᠂ ᠲᠤᠰᠪᠦᠷᠢ 30 %  ᠪᠠ 39% ᠪᠠᠷ ᠨᠡᠮᠡᠭᠳᠡᠪᠡ᠃ ᠠᠯᠠᠱᠠ ᠶᠢᠨ ᠤᠬᠢ ᠰᠤᠳᠤᠨ ᠬᠠᠴᠢᠨ ᠴᠢᠯᠡᠭᠤ  ᠶᠢ ᠳᠠᠩᠰᠠᠯᠠᠵᠤ ᠺᠠᠷᠲ ᠬᠠᠳᠠᠬᠤ ᠠᠵᠢᠯ  ᠢ ᠦᠷᠨᠢᠬᠦᠯᠪᠠ᠃ ᠤᠳᠤᠨ ᠲᠠᠰ ᠤᠨ ᠪᠠᠭᠤᠳᠠᠯ᠂ ᠲᠤᠮᠥ ᠬᠤᠳᠠᠯᠳᠤᠭᠠᠨ ᠤ ᠠᠰᠠᠷ ᠵᠡᠷᠭᠡ ᠭᠤᠤᠯᠳᠠᠯᠭ᠎ᠠ ᠪᠦᠬᠦᠢ ᠲᠦᠷᠤᠯ ᠵᠦᠢᠯ ᠤᠨ ᠪᠠᠷᠢᠯᠭ᠎ᠠ ᠲᠠᠭᠤᠰᠪᠠ᠃ ᠬᠡᠷᠡᠭᠯᠡᠭᠡᠨ ᠤ ᠪᠦᠳᠥᠴᠡ ᠳᠤ ᠢᠳᠡᠪᠬᠢᠳᠠᠢ ᠬᠤᠪᠢᠷᠠᠯᠳᠠ ᠭᠠᠷᠴᠥ᠂ ᠮᠠᠰᠢᠨ ᠲᠡᠷᠭᠡ᠂ ᠤᠷᠤᠨ ᠰᠠᠭᠤᠴᠠ ᠵᠡᠷᠭᠡ ᠭᠡᠷᠡᠭᠯᠡᠭᠡᠨ ᠤ  ᠵᠦᠢᠯᠡᠰ ᠨᠢ ᠰᠢᠨ᠎ᠠ ᠨᠢᠭᠡᠨ ᠬᠡᠷᠡᠭᠯᠡᠭᠡᠨ ᠤ ᠤᠷᠤᠰᠬᠠᠯ ᠪᠤᠯᠵᠥ᠂ ᠪᠤᠳᠠᠰ ᠤᠨ ᠭᠦᠢᠯᠭᠡᠭᠡ᠂ ᠨᠡᠶᠢᠬᠡᠮ ᠲᠤᠭᠤᠷᠢᠭ ᠤᠨ ᠦᠢᠯᠡᠴᠢᠯᠡᠭᠡ ᠵᠡᠷᠭᠡ ᠤᠳᠤ ᠦᠶ᠎ᠡ  ᠶᠢᠨ ᠦᠢᠯᠡᠴᠢᠯᠡᠭᠡᠨ ᠤ ᠦᠢᠯᠡᠰ ᠶᠠᠭ ᠰᠢᠨ᠎ᠠ ᠪᠠᠷ  ᠦᠷᠨᠢᠵᠤ ᠪᠠᠶᠢᠨ᠎ᠠ᠃ ︽ᠬᠦᠳᠡᠭᠡ ᠲᠤᠰᠬᠤᠨ ᠳᠤ ᠲᠦᠭᠡᠬᠦ︾ ᠲᠠᠷᠢᠶᠠᠴᠢᠨ ᠠᠶᠢᠯ ᠤᠨ ᠲᠡᠯᠭᠡᠬᠦᠷ ᠲᠠᠰᠤᠷᠠᠯᠳᠠ ᠦᠭᠡᠢ ᠬᠦᠭᠵᠢᠵᠥ᠂ ᠭᠡᠷ ᠤᠨ ᠴᠠᠬᠢᠯᠭᠠᠨ ᠬᠡᠷᠡᠭᠰᠡᠯ ᠪᠠ ᠲᠠᠷᠢᠶᠠᠯᠠᠩ ᠮᠠᠯᠵᠢᠯ ᠳᠤ ᠬᠡᠷᠡᠭᠰᠡᠬᠦ ᠮᠠᠰᠢᠨ ᠲᠤᠨᠤᠭ ᠢ ᠬᠦᠳᠡᠭᠡ ᠪᠠᠭᠤᠯᠭᠠᠬᠤ ᠢᠨᠵᠧᠨᠧᠷᠢᠩ ᠬᠦᠨᠵᠡᠭᠡᠢ ᠬᠡᠷᠡᠭᠵᠢᠬᠦᠯᠦᠭᠳᠡᠵᠥ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡᠨ ᠤ ᠵᠠᠬ᠎ᠠ ᠲᠡᠯᠭᠡᠬᠦᠷ ᠦᠷᠭᠡᠵᠢᠪᠠ᠃ ᠨᠡᠶᠢᠬᠡᠮ ᠤᠨ ᠭᠡᠷᠡᠭᠯᠡᠭᠡᠨ ᠤ ᠪᠤᠳᠠᠰ ᠤᠨ ᠰᠤᠯᠠ ᠪᠠᠷ ᠪᠤᠷᠤᠯᠠᠭᠤᠯᠤᠭᠰᠠᠨ ᠶᠡᠷᠤᠩᠬᠡᠢ ᠦᠷᠳᠡᠭ 20.6 ᠳ᠋ᠦᠩᠰᠢᠭᠤᠷ ᠲᠦᠬᠦᠷᠢᠭ ᠲᠤ ᠬᠦᠷᠴᠤ 20.9% ᠪᠠᠷ ᠨᠡᠮᠡᠭᠳᠡᠪᠡ᠃ ︵ᠲᠦᠷᠪᠠ︶ ᠬᠤᠳᠠ ᠪᠠᠯᠭᠠᠰᠤᠨ ᠤ ᠪᠦᠳᠤᠭᠡᠨ ᠪᠠᠶᠢᠭᠤᠯᠤᠯᠳᠠ ᠶᠢᠨ ᠠᠬᠢᠴᠠ ᠲᠦᠷᠭᠡᠳᠪᠠ᠃ ᠭᠠᠵᠠᠷ ᠰᠢᠷᠤᠢ ᠶᠢ ᠨᠦᠭᠡᠴᠡᠯᠡᠨ ᠵᠢᠭᠡᠯᠡᠯᠭᠡ ᠤᠯᠬᠤ᠂ ᠲᠦᠷᠥᠯ ᠵᠦᠢᠯ  ᠢᠶᠠᠷ ᠪᠡᠯᠡ ᠬᠤᠷᠠᠮᠳᠤᠭᠤᠯᠤᠨ᠂ ᠡᠯ᠎ᠠ ᠲᠦᠷᠤᠯ ᠤᠨ ᠪᠦᠳᠥᠭᠡᠨ ᠪᠠᠶᠢᠭᠤᠯᠤᠯᠳᠠ ᠶᠢᠨ ᠪᠡᠯᠠ ᠮᠦᠩᠬᠦ ᠶᠢ 5.3 ᠳ᠋ᠦᠩᠰᠢᠭᠤᠷ ᠲᠦᠬᠦᠷᠢᠭ ᠬᠤᠷᠠᠮᠳᠤᠭᠤᠯᠪᠠ᠃ ᠬᠤᠳᠠ ᠪᠠᠯᠭᠠᠰᠤᠨ ᠤ ᠪᠦᠳᠥᠭᠡᠨ ᠪᠠᠶᠢᠭᠤᠯᠤᠯᠳᠠ ᠶᠢᠨ ᠪᠡᠯᠠ ᠤᠷᠤᠭᠤᠯᠤᠯᠳᠠ ᠶᠢ 10 ᠳ᠋ᠦᠩᠰᠢᠭᠤᠷ ᠲᠦᠭᠦᠷᠢᠭ ᠪᠠᠶᠡᠯᠡᠬᠦᠯᠪᠠ᠃ ᠪᠠᠶᠠᠨᠬᠤᠳᠠ ᠶᠢᠨ ᠪᠠᠷᠠᠭᠤᠨ ᠬᠡᠰᠡᠭ  ᠤᠨ ᠡᠵᠡᠮᠰᠢᠬᠦ ᠴᠢᠨᠠᠷᠳᠠᠢ ᠨᠠᠷᠢᠯᠢᠭ ᠲᠦᠯᠤᠪᠵᠢᠭᠦᠯᠭᠡ ᠵᠢᠴᠢ ᠡᠮᠦᠨ᠎ᠡ ᠬᠡᠰᠡᠭ  ᠤᠨ ᠲᠦᠯᠦᠪᠵᠢᠬᠦᠯᠭᠡ  ᠶᠢ ᠭᠤᠤᠯᠴᠢᠯᠠᠨ ᠨᠠᠶᠢᠷᠠᠭᠤᠯᠵᠤ᠂ ᠬᠤᠸᠠᠷᠠᠨ ᠤ ᠰᠢᠯᠢ ᠶᠢᠨ ᠦᠵᠡᠮᠵᠢ ᠶᠢᠨ ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ ᠵᠢᠴᠢ ᠡᠮᠤᠨ᠎ᠠ ᠬᠦᠳᠥᠯ᠂ ᠠᠮᠢ ᠠᠬᠤᠢ ᠶᠢᠨ ᠬᠦᠷᠢᠶᠠᠯᠡᠩ᠂ ᠪᠠᠷᠠᠭᠤᠨ ᠲᠤᠭᠤᠷᠢᠯᠳᠠ ᠶᠢᠨ ᠵᠠᠮ ᠵᠡᠷᠭᠡ ᠶᠢ ᠨᠤᠭᠤᠭᠠᠷᠠᠭᠤᠯᠬᠤ ᠵᠢᠴᠢ ᠠᠯᠠᠱᠠ ᠸᠠᠩ  ᠤᠨ ᠤᠩᠭᠤᠨ ᠢ ᠰᠠᠯᠪᠢᠨ ᠵᠠᠰᠠᠬᠤ ᠢᠨᠵᠧᠨᠧᠷᠢᠩ ᠢ ᠭᠡᠷᠡᠭᠵᠢᠬᠦᠯᠵᠥ᠂ ᠲᠡᠭᠷᠢ ᠵᠠᠮ᠂ ᠡᠮᠤᠨ᠎ᠠ ᠲᠤᠭᠤᠷᠢᠯᠳᠠ ᠶᠢᠨ ᠵᠠᠮ ᠤᠨ ᠵᠡᠭᠡᠯᠢ  ᠶᠢᠨ ᠦᠵᠡᠮᠵᠢ ᠪᠤᠯᠤᠨ ᠤᠳᠤᠬᠢ ᠪᠠᠷᠢᠯᠭ᠎ᠠ ᠳᠤ ᠡᠨᠧᠷᠬᠢ ᠠᠷᠪᠢᠯᠠᠨ ᠦᠬᠡᠷᠡᠴᠢᠯᠡᠬᠦ ᠵᠡᠷᠭᠡ ᠢᠨᠵᠧᠨᠧᠷᠢᠩ ᠢ ᠲᠠᠭᠤᠰᠬᠠᠵᠥ᠂ ᠡᠮᠤᠨ᠎ᠠ ᠭᠠᠳᠠᠷ ᠲᠤᠭᠤᠷᠢᠯᠳᠠ ᠶᠢᠨ ᠵᠠᠮ᠂ ᠰᠢᠯᠢ ᠶᠢᠨ ᠡᠮᠤᠨ᠎ᠠ ᠵᠠᠮ᠂ ᠲᠤᠷᠭᠤᠳ ᠡᠮᠤᠨ᠎ᠠ ᠵᠠᠮ ᠢ ᠤᠷᠳᠤᠳᠬᠠᠬᠤ ᠬᠡᠰᠡᠭ ᠢ ᠰᠢᠨ᠎ᠠ ᠪᠠᠷ ᠲᠡᠪᠢᠰᠥᠨ᠂ ᠮᠤᠩᠭᠤᠯ ᠪᠦᠷᠢᠨ ᠲᠤᠮᠳᠠᠳᠥ ᠰᠤᠷᠭᠠᠭᠤᠯᠢ ᠠᠴᠠ ᠶᠢᠰᠥᠳᠥᠭᠡᠷ ᠲᠤᠮᠳᠠᠳᠥ ᠰᠤᠷᠭᠠᠭᠤᠯᠢ ᠬᠦᠷᠬᠦ ᠵᠠᠮ ᠤᠨ ᠬᠡᠰᠡᠭ ᠢ ᠦᠷᠭᠡᠳᠬᠡᠵᠥ᠂ ᠬᠠᠶᠠᠭᠳᠠᠮᠠᠯ ᠪᠤᠳᠠᠰ ᠢ ᠬᠤᠤᠷᠳᠠᠯ ᠦᠭᠡᠢ ᠰᠢᠢᠳᠪᠤᠷᠢᠯᠡᠬᠦ ᠬᠤᠶᠠᠳᠤᠭᠠᠷ ᠬᠤᠭᠤᠴᠠᠭᠠᠨ ᠤ ᠠᠵᠢᠯ᠂ ᠲᠦᠪᠯᠡᠷᠡᠭᠦᠯᠥᠨ ᠢᠯᠴᠢ ᠬᠠᠩᠭᠠᠬᠤ ᠬᠤᠶᠠᠳᠤᠭᠠᠷ ᠬᠤᠭᠤᠴᠠᠭᠠᠨ ᠤ ᠠᠵᠢᠯ ᠵᠡᠷᠭᠡ ᠢᠨᠵᠧᠨᠧᠷᠢᠩ  ᠢ ᠪᠠᠷᠢᠯᠭ᠎ᠠ ᠳᠠᠭᠤᠰᠬᠠᠨ ᠠᠰᠢᠭᠯᠠᠯᠳᠠ ᠳᠤ ᠤᠷᠤᠭᠤᠯᠵᠤ᠂ ᠨᠡᠶᠢᠬᠡᠮ ᠤᠨ ᠠᠰᠠᠷᠠᠮᠵᠢ ᠶᠢᠨ ᠦᠢᠯᠡᠴᠢᠯᠡᠭᠡᠨ ᠤ ᠲᠦᠪ  ᠢ ᠪᠠᠶᠢᠭᠤᠯᠵᠤ ᠳᠠᠭᠤᠰᠬᠠᠪᠠ᠃ ᠬᠠᠭᠤᠴᠢᠨ ᠬᠤᠳᠠ ᠶᠢᠨ 3.8 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ ᠪᠠᠶᠢᠰᠢᠩ ᠢ ᠰᠢᠨᠡᠳᠭᠡᠨ ᠵᠠᠰᠠᠵᠥ᠂ 5400 ᠲᠡᠭᠰᠢ ᠲᠦᠷᠪᠡᠯᠵᠢᠨ ᠮᠧᠲᠷ  ᠤᠨ ᠬᠢᠮᠳᠠ ᠲᠦᠷᠢᠶᠡᠰᠥᠨ ᠭᠡᠷ᠂ 6 ᠲᠦᠮᠡᠨ ᠲᠡᠭᠰᠢ ᠲᠦᠷᠪᠡᠯᠵᠢᠨ ᠮᠧᠲᠷ  ᠤᠨ ᠬᠢᠮᠳᠠ ᠲᠤᠬᠢᠯᠢᠭ ᠭᠡᠷ ᠢ ᠰᠢᠨ᠎ᠠ ᠪᠠᠷ ᠪᠠᠶᠢᠭᠤᠯᠪᠠ᠃ ᠬᠤᠳᠠ ᠪᠠᠯᠭᠠᠰᠤᠨ ᠤ ᠭᠤᠤᠯ ᠪᠤᠯᠬᠤ ᠵᠡᠭᠡᠯᠢ ᠭᠤᠳᠤᠮᠵᠢ ᠶᠢ ᠨᠤᠭᠤᠭᠠᠷᠠᠭᠤᠯᠤᠭᠰᠠᠨ᠂ ᠭᠤᠶᠤᠵᠢᠭᠤᠯᠤᠭᠰᠠᠨ᠂ ᠴᠢᠮᠡᠭᠯᠡᠭᠰᠡᠨ ᠦᠷ᠎ᠠ ᠪᠦᠳᠤᠮᠵᠢ ᠢᠯᠡᠷᠭᠡᠢ ᠪᠠᠶᠢᠵᠥ᠂ ᠴᠢᠨᠠᠷ ᠲᠡᠰ ᠤᠨ ᠲᠠᠯ᠎ᠠ ᠪᠠᠷ ᠤᠯᠠᠮ ᠨᠢᠭᠡ ᠠᠯᠬᠤᠮ ᠲᠡᠭᠡᠭᠰᠢᠯᠡᠪᠡ᠃ ᠪᠦᠳᠥᠭᠡᠨ ᠪᠠᠶᠢᠭᠤᠯᠤᠯᠳᠠ ᠪᠠ ᠬᠠᠮᠢᠶᠠᠷᠥᠯᠳᠠ ᠶᠢ ᠵᠡᠷᠭᠡᠪᠡᠷ ᠴᠢᠬᠤᠯᠠᠴᠢᠯᠠᠬᠤ ᠶᠢ ᠪᠠᠷᠢᠮᠳᠠᠯᠠᠨ᠂ ᠬᠤᠳᠠ ᠪᠠᠯᠭᠠᠰᠤᠨ ᠤ ᠬᠠᠮᠢᠶᠠᠷᠥᠯᠳᠠ ᠶᠢ ᠲᠠᠰᠤᠷᠠᠯᠳᠠ ᠦᠭᠡᠢ ᠨᠡᠶᠢᠬᠡᠮ ᠲᠤᠭᠤᠷᠢᠭ ᠵᠦᠭ ᠰᠢᠯᠵᠢᠬᠦᠯᠵᠤ᠂ ᠪᠦᠳᠥᠭᠡᠨ ᠪᠠᠶᠢᠭᠤᠯᠤᠯᠳᠠ  ᠶᠢᠨ ᠦᠷ᠎ᠠ ᠪᠦᠳᠦᠭᠡᠯ  ᠢ ᠪᠦᠳᠥᠮᠵᠢᠳᠠᠢ ᠬᠠᠮᠠᠭᠠᠯᠠᠪᠠ᠃  ︵ᠲᠠᠪᠦ︶ ᠠᠮᠢ ᠠᠬᠤᠢ ᠪᠠ ᠰᠠᠭᠤᠷᠢ ᠲᠦᠬᠦᠭᠡᠷᠥᠮᠵᠢ  ᠶᠢᠨ ᠪᠦᠳᠥᠭᠡᠨ ᠪᠠᠶᠢᠭᠤᠯᠤᠯᠳᠠ ᠯᠠᠪᠳᠠᠭᠤᠨ ᠢᠶᠠᠷ ᠠᠬᠢᠪᠠ᠃ ᠬᠠᠮᠳᠤ ᠨᠡᠶᠢᠳᠡ  ᠶᠢᠨ ᠤᠢ ᠰᠢᠭᠤᠢ  ᠶᠢᠨ ᠡᠷᠬᠡ  ᠶᠢᠨ ᠳᠦᠷᠢᠮ  ᠤᠨ ᠦᠬᠡᠷᠡᠴᠢᠯᠡᠯᠳᠡ ᠶᠢ ᠲᠤᠭᠳᠠᠭᠤᠨ ᠢᠶᠠᠷ ᠠᠬᠢᠭᠤᠯᠪᠠ᠃ ᠮᠠᠯᠵᠢᠬᠤ ᠶᠢ ᠵᠤᠭᠰᠤᠭᠠᠬᠤ ᠲᠦᠷᠥ ᠶᠢᠨ ᠪᠤᠳᠤᠯᠭ᠎ᠠ ᠶᠢ ᠴᠢᠩᠭ᠎ᠠ ᠨᠠᠶᠢᠳᠠᠪᠥᠷᠢᠵᠢᠭᠤᠯᠵᠥ᠂ ᠬᠠᠤᠯᠢ ᠪᠤᠰᠥ ᠪᠠᠷ ᠠᠳᠠᠷ ᠬᠠᠭᠠᠯᠪᠦᠷᠢᠯᠠᠭᠰᠠᠨ ᠠᠵᠢᠯᠯᠠᠭ᠎ᠠ  ᠶᠢ ᠴᠡᠭᠴᠡᠯᠡᠪᠡ᠃ ᠳᠡᠭᠷᠢ ᠡᠯᠡᠰᠦ᠂ ᠤᠯᠠᠭᠠᠨᠪᠤᠬ᠎ᠠ ᠡᠯᠡᠰᠤᠨ ᠤ ᠬᠦᠪᠡᠭᠡ ᠶᠢ ᠳᠤᠭᠳᠠᠪᠤᠷᠢᠵᠢᠭᠤᠯᠬᠤ ᠪᠠ ᠬᠤᠳᠠ ᠶᠢᠨ ᠡᠷᠬᠢᠨ ᠳᠤᠭᠤᠷᠢᠨ ᠤ ᠠᠮᠢ ᠠᠬᠤᠢ ᠶᠢ ᠴᠡᠭᠴᠡᠯᠡᠬᠦ ᠬᠦᠴᠦᠯᠡᠴᠡ ᠪᠠᠨ ᠨᠡᠮᠡᠭᠳᠡᠬᠦᠯᠵᠤ᠂ ︽ᠨᠡᠶᠢᠳᠠ ᠶᠢᠨ ᠠᠰᠢᠭᠳᠥ ᠤᠢ ᠶᠢᠨ ᠠᠮᠢ ᠠᠬᠤᠢ ᠶᠢᠨ ᠦᠷ᠎ᠠ ᠠᠰᠢᠭ ᠲᠤ ᠨᠦᠬᠦᠪᠤᠷᠢ ᠤᠯᠭᠤᠬᠤ ᠳᠤᠬᠠᠢ ᠠᠯᠠᠱᠠ ᠵᠡᠭᠦᠨ ᠬᠤᠰᠢᠭᠤᠨ ᠤ ᠬᠡᠷᠡᠭᠵᠢᠬᠦᠯᠬᠦ ᠠᠷᠭ᠎ᠠ︾ ᠳᠤ ᠵᠠᠰᠠᠪᠤᠷᠢ ᠤᠷᠤᠭᠤᠯᠵᠤ ᠳᠡᠬᠦᠯᠳᠡᠷᠵᠢᠬᠦᠯᠬᠦ ᠶᠢᠨ ᠬᠠᠮᠳᠤ ᠪᠦᠬᠦ ᠳᠠᠯ᠎ᠠ ᠪᠠᠷ ᠶᠠᠪᠤᠭᠳᠠᠭᠤᠯᠪᠠ᠃ ᠬᠦᠮᠥᠨ ᠤ ᠬᠦᠴᠥ ᠪᠠᠷ 5 ᠲᠦᠮᠡᠨ ᠮᠥ᠂ ᠨᠢᠰᠭᠡᠯ ᠢᠶᠠᠷ 50 ᠲᠦᠮᠡᠨ ᠮᠥ ᠭᠠᠵᠠᠷ ᠢ ᠤᠶᠢᠵᠢᠭᠤᠯᠥᠨ᠂ ᠡᠯᠡᠰᠥ ᠶᠢ ᠬᠤᠷᠢᠭᠯᠠᠨ ᠤᠶᠢᠵᠢᠭᠤᠯᠤᠭᠰᠠᠨ ᠲᠠᠯᠠᠪᠠᠢ 10 ᠲᠦᠮᠡᠨ ᠮᠥ᠂ ᠲᠠᠷᠢᠶᠠᠯᠠᠬᠤ ᠶᠢ ᠵᠤᠭᠰᠤᠭᠠᠨ ᠤᠶᠢᠵᠢᠭᠤᠯᠤᠭᠰᠠᠨ ᠲᠠᠯᠠᠪᠠᠢ ᠲᠦᠮᠡᠨ ᠮᠥ ᠳᠤ ᠬᠦᠷᠪᠠ᠃ ᠪᠠᠶᠠᠨᠬᠤᠳᠠ  ᠳᠤ ᠤᠰᠤ ᠬᠠᠩᠭᠠᠬᠤ᠂ ᠪᠤᠬᠢᠷ ᠤᠰᠤᠨ ᠤ ᠬᠤᠭᠤᠯᠠᠢ ᠶᠢ ᠦᠷᠭᠡᠳᠬᠡᠨ ᠪᠠᠶᠢᠭᠤᠯᠬᠤ ᠢᠨᠵᠧᠨᠧᠷᠢᠩ ᠢ ᠡᠬᠢᠯᠡᠬᠦᠯᠤᠨ ᠪᠦᠳᠤᠭᠡᠨ ᠪᠠᠶᠢᠭᠤᠯᠵᠥ᠂ ᠤᠰᠤᠨ ᠴᠦᠬᠦᠷᠤᠮ ᠤᠨ ᠠᠶᠤᠯᠳᠠᠢ ᠪᠠᠷᠢᠯᠭ᠎ᠠ ᠶᠢ ᠪᠠᠬᠢᠵᠢᠬᠦᠯᠵᠥ᠂ ᠬᠠᠳᠤᠨ ᠭᠤᠤᠯ ᠤᠨ ᠪᠠᠶᠠᠨᠰᠢᠭᠤᠢ ᠶᠢᠨ ᠬᠡᠰᠡᠭ  ᠤᠨ ᠦᠶᠡᠷ ᠢ ᠰᠡᠷᠬᠡᠶᠢᠯᠡᠬᠦ ᠢᠨᠵᠧᠨᠧᠷᠢᠩ ᠢ ᠬᠡᠷᠡᠭᠵᠢᠬᠦᠯᠪᠠ᠃ ᠵᠡᠬᠦᠨ ᠪᠡᠯ᠂ ᠪᠠᠷᠠᠭᠤᠨ ᠪᠠᠯ ᠵᠡᠷᠭᠡ 7 ᠬᠡᠰᠡᠭ ᠭᠠᠵᠠᠷ ᠲᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠢ ᠪᠡᠶᠡᠯᠡᠬᠦᠯᠵᠤ ᠂ 1.3 ᠳᠦᠮᠡᠨ ᠬᠦᠮᠦᠨ ᠪᠠ 2.9 ᠳᠦᠮᠡᠨ ᠳᠤᠯᠤᠭᠠᠢ ᠮᠠᠯ  ᠤᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ ᠪᠠᠶᠠᠨᠬᠤᠳᠠ ᠠᠴᠠ ᠵᠢᠷᠠᠳᠠᠢ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ᠂ ᠦᠯᠵᠠᠢ ᠠᠴᠠ ᠤᠯᠠᠭᠠᠨ ᠲᠠᠪᠠᠭ᠎ᠠ ᠬᠦᠷᠬᠦ ᠭᠤᠷᠪᠠᠳᠤᠭᠠᠷ ᠲᠡᠰ ᠤᠨ ᠵᠠᠰᠠᠮᠠᠯ ᠵᠠᠮ᠂ ᠬᠠᠯᠳᠠᠷ ᠨᠠᠭᠤᠷ ᠤᠨ ᠵᠤᠭᠠᠴᠠᠯ ᠤᠨ ᠵᠠᠰᠠᠮᠠᠯ ᠵᠠᠮ ᠵᠢᠴᠢ ᠯᠢᠨᠾᠧ ᠠᠴᠠ ᠴᠡᠭᠡ ᠬᠦᠷᠬᠦ ᠳᠡᠮᠦᠷ ᠵᠠᠮ  ᠤᠨ ᠠᠵᠢᠯ ᠲᠠᠭᠤᠰᠴᠥ ᠲᠡᠷᠭᠡ ᠨᠡᠪᠳᠡᠷᠡᠨ᠂ ᠪᠠᠶᠠᠨᠬᠤᠳᠠ ᠠᠴᠠ ᠢᠷᠭᠠᠢ ᠬᠦᠷᠬᠦ ᠳᠦᠷᠬᠡᠨ ᠵᠠᠮ ᠤᠨ ᠪᠦᠳᠥᠭᠡᠨ ᠪᠠᠶᠢᠭᠤᠯᠤᠯᠳᠠ ᠶᠢᠨ ᠠᠬᠢᠴᠠ ᠤᠷᠤᠭᠰᠢᠳᠠᠢ ᠪᠤᠯᠪᠠ᠃ 1595 ᠳᠦᠮᠡᠨ ᠳᠦᠬᠦᠷᠢᠭ  ᠤᠨ ᠪᠡᠯᠡ ᠤᠷᠤᠭᠤᠯᠵᠤ᠂ ᠭᠠᠴᠠᠭ᠎ᠠ ᠳᠤᠰᠬᠤᠨ ᠪᠦᠷᠢ ᠳᠤ ᠨᠡᠪᠳᠡᠷᠡᠬᠦ ᠵᠠᠰᠠᠮᠠᠯ ᠵᠠᠮ ᠢ ᠨᠠᠶᠢᠳᠠ 11 ᠵᠤᠷᠪᠤᠰ 193 ᠺᠢᠯᠤᠮᠧᠲᠷ ᠲᠠᠪᠢᠰᠴᠥ᠂ ᠮᠠᠯᠵᠢᠬᠤ ᠳᠠᠷᠢᠶᠠᠯᠠᠬᠤ ᠤᠷᠤᠨ  ᠤ ᠵᠠᠮ ᠨᠡᠪᠳᠡᠷᠡᠯᠬᠡ ᠤᠯᠠᠮ ᠨᠢᠬᠡ ᠠᠯᠬᠤᠮ ᠬᠦᠭᠵᠢᠪᠡ᠃ 60 ᠺᠢᠯᠤᠮᠧᠲᠷ  ᠤᠨ ᠪᠠᠶᠢᠭᠠᠯᠢ ᠶᠢᠨ ᠰᠢᠳᠠᠮᠠᠬᠠᠢ ᠭᠡᠢ ᠲᠠᠮᠵᠢᠭᠤᠯᠬᠤ ᠬᠤᠭᠤᠯᠠᠢ ᠳᠡᠪᠢᠰᠪᠡ᠃ ᠦᠯᠵᠡᠢ ᠪᠤᠭᠤᠮᠳᠠ ᠶᠢ ᠨᠡᠭᠡᠭᠡᠬᠦ ᠮᠡᠳᠡᠬᠦᠯᠤᠯᠳᠠ ᠶᠢᠨ ᠠᠵᠢᠯ ᠰᠢᠨ᠎ᠡ ᠠᠬᠢᠴᠠ ᠲᠠᠢ ᠪᠤᠯᠵᠤ᠂ ᠳᠤᠮᠳᠠᠳᠤ ᠮᠤᠩᠭᠤᠯ ᠬᠤᠶᠠᠷ ᠤᠯᠤᠰ ᠦᠯᠵᠡᠢ ᠪᠤᠭᠤᠮᠳᠠ ᠪᠠᠷ ᠳᠦᠷ ᠴᠠᠭ ᠪᠠᠷᠠᠭ᠎ᠠ ᠦᠩᠬᠡᠷᠡᠬᠡᠬᠦ ᠪᠠᠷ ᠬᠡᠯᠡᠯᠴᠡᠬᠡᠷ ᠳᠤᠭᠳᠠᠪᠠ᠃ ᠬᠤᠶᠠᠳᠤᠭᠠᠷ ᠤᠳᠠᠭᠠᠨ ᠤ ᠭᠠᠵᠠᠷ ᠰᠢᠷᠤᠢ ᠶᠢᠨ ᠪᠠᠶᠢᠴᠠᠭᠠᠯᠳᠠ᠂ ᠳᠠᠷᠢᠶᠠᠨ ᠭᠠᠵᠠᠷ ᠤᠨ ᠤᠨᠠᠯᠳᠠ ᠶᠢ ᠬᠢᠨᠠᠨ ᠪᠤᠳᠤᠬᠤ ᠠᠵᠢᠯ ᠦᠨᠳᠦᠰᠦᠨ ᠳᠡᠭᠡᠨ ᠳᠠᠭᠤᠰᠪᠠ᠃ ᠠᠭᠤᠷᠬᠠᠢ  ᠶᠢᠨ ᠡᠷᠬᠡ  ᠶᠢᠨ ᠬᠢᠨᠠᠨ ᠪᠠᠶᠢᠴᠠᠭᠠᠯᠳᠠ ᠪᠤᠯᠤᠨ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠵᠤ ᠪᠠᠶᠢᠭ᠎ᠠ ᠪᠠᠶᠢᠳᠠᠯ ᠳᠤ ᠨᠠᠷᠢᠯᠢᠭ ᠪᠠᠶᠢᠴᠠᠭᠠᠯᠳᠠ ᠬᠢᠵᠤ᠂ ᠠᠭᠤᠷᠬᠠᠢ  ᠶᠢᠨ ᠡᠬᠢ ᠪᠠᠶᠠᠯᠢᠭ  ᠢ ᠪᠦᠬᠦ ᠳᠠᠯ᠎ᠠ ᠪᠠᠷ ᠨᠢᠬᠡᠳᠦᠬᠦᠯᠤᠨ᠂ ᠭᠠᠵᠠᠷ ᠰᠢᠷᠤᠢ᠂ ᠠᠭᠤᠷᠬᠠᠢ ᠠᠴᠠ 1.3 ᠳ᠋ᠦᠩᠰᠢᠭᠤᠷ ᠳᠦᠬᠦᠷᠢᠭ ᠤᠨ ᠠᠰᠢᠭ ᠤᠯᠪᠠ᠃ ᠠᠩᠬᠠᠳᠤᠭᠠᠷ ᠤᠳᠠᠭᠠᠨ  ᠤ ᠪᠤᠬᠢᠷᠳᠤᠯ ᠤᠨ ᠡᠬᠢ ᠰᠤᠷᠪᠤᠯᠵᠢ ᠳᠤ ᠨᠡᠶᠢᠳᠡᠮ ᠪᠠᠶᠢᠴᠠᠭᠠᠯᠳᠠ ᠬᠢᠬᠦ ᠠᠵᠢᠯ ᠪᠦᠬᠦ ᠳᠠᠯ᠎ᠠ ᠪᠠᠷ ᠲᠠᠭᠤᠰᠪᠠ᠃ ᠡᠨᠧᠷᠬᠢ ᠠᠷᠪᠢᠯᠠᠵᠥ ᠪᠤᠬᠢᠷᠳᠤᠯ ᠪᠠᠭᠠᠰᠬᠠᠬᠤ ᠬᠠᠷᠠᠯᠳᠠᠳᠥ ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠢ ᠨᠠᠶᠢᠳᠠᠪᠦᠷᠢᠵᠢᠭᠤᠯᠵᠥ᠂ ᠵᠢᠱᠢᠯᠳᠠ ᠪᠠᠷ ᠨᠢᠭᠡᠴᠢ ᠦᠢᠯᠡᠳᠪᠦᠷᠢᠯᠡᠯ ᠤᠨ ᠶᠡᠷᠤᠩᠬᠡᠢ ᠦᠷᠳᠡᠭ  ᠤᠨ ᠡᠨᠧᠷᠬᠢ ᠶᠢᠨ ᠬᠤᠷᠤᠭᠳᠠᠯ 6.48% ᠪᠠᠷ ᠪᠠᠭᠤᠷᠠᠵᠥ᠂ ᠭᠤᠤᠯ ᠪᠤᠬᠢᠷᠳᠤᠯ ᠪᠤᠳᠠᠰ ᠤᠨ ᠭᠠᠳᠠᠭᠰᠢᠯᠠᠴᠠ ᠶᠢ ᠪᠦᠳᠥᠮᠵᠢᠳᠠᠢ ᠡᠵᠡᠮᠳᠡᠨ ᠬᠤᠷᠢᠭᠯᠠᠵᠥ᠂ ᠤᠷᠴᠢᠨ ᠲᠤᠭᠤᠷᠢᠨ ᠤ ᠴᠢᠨᠠᠷ ᠴᠢᠨᠰᠠᠭ᠎ᠠ ᠤᠯᠠᠮ ᠨᠢᠭᠡ ᠠᠯᠬᠤᠮ ᠰᠠᠶᠢᠵᠢᠷᠠᠪᠠ᠃  ︵ᠵᠢᠷᠭᠤᠭ᠎ᠠ︶ ᠡᠶ᠎ᠡ ᠨᠠᠶᠢᠷᠠᠮᠳᠠᠭᠤ ᠨᠡᠶᠢᠬᠡᠮ ᠤᠨ ᠪᠠᠶᠢᠭᠤᠯᠤᠯᠳᠠ ᠰᠢᠨ᠎ᠡ ᠠᠬᠢᠴᠠ ᠲᠠᠢ ᠪᠤᠯᠪᠠ᠃ ᠠᠷᠠᠳ ᠢ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠬᠦᠴᠦᠯᠡᠴᠡ ᠪᠠᠨ ᠶᠡᠬᠡᠰᠬᠡᠵᠤ᠂ ᠬᠤᠳᠠ ᠬᠦᠳᠡᠭᠡ ᠶᠢᠨ ᠤᠯᠠᠨ ᠳᠦᠮᠡᠨ ᠤ ᠡᠮ ᠡᠮᠨᠡᠯᠬᠡ ᠶᠢᠨ ᠳᠠᠭᠠᠳᠬᠠᠯ᠂ ᠳᠤᠤᠷ᠎ᠠ ᠪᠠᠳᠤᠯᠠᠭ᠎ᠠ᠂ ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠶᠢ ᠳᠡᠬᠡᠭᠰᠢᠯᠡᠬᠦᠯᠵᠤ ᠬᠡᠪᠴᠢᠶ᠎ᠡ ᠶᠢ ᠦᠷᠭᠡᠳᠬᠡᠬᠦ ᠠᠴᠠ ᠠᠪᠤᠭᠠᠳ ᠤᠷᠤᠨ ᠰᠠᠭᠤᠴᠠ᠂ ᠤᠤᠭᠤᠬᠤ ᠤᠰᠤᠨ  ᠤ ᠨᠦᠬᠦᠴᠡᠯ ᠢ ᠰᠠᠶᠢᠵᠢᠷᠠᠭᠤᠯᠬᠤ ᠬᠦᠷᠳᠡᠯ᠎ᠠ ᠠᠷᠠᠳ ᠲᠤ ᠠᠮᠠᠯᠠᠭᠰᠠᠨ ᠠᠷᠪᠠᠨ ᠪᠤᠳᠠᠳᠤ ᠶᠠᠪᠤᠳᠠᠯ ᠢ ᠪᠦᠬᠦ ᠳᠠᠯ᠎ᠠ ᠪᠠᠷ ᠪᠡᠶᠡᠯᠡᠬᠦᠯᠪᠠ᠃ ᠠᠵᠢᠯ ᠤᠯᠭᠤᠬᠤ ᠪᠠ ᠲᠤᠬᠠᠶᠢᠯᠠᠭᠰᠠᠨ ᠠᠵᠢᠯ ᠮᠠᠷᠭᠡᠵᠢᠯ ᠤᠨ ᠪᠤᠯᠪᠠᠰᠤᠷᠠᠯ ᠬᠦᠷᠳᠡᠭᠡᠬᠦ ᠠᠵᠢᠯ ᠢᠯᠡᠷᠭᠡᠢ ᠪᠦᠳᠤᠮᠵᠢᠳᠠᠢ ᠪᠠᠶᠢᠵᠥ᠂ ᠶᠡᠭᠡ ᠰᠤᠷᠭᠠᠭᠤᠯᠢ ᠠᠴᠠ ᠲᠡᠭᠦᠰᠥᠭᠰᠡᠨ 93 ᠤᠶᠤᠳᠠᠨ  ᠢ ᠰᠢᠯᠭᠠᠨ ᠨᠦᠭᠡᠴᠡᠯᠡᠵᠥ᠂ 128 ᠴᠢᠳᠠᠪᠥᠷᠢᠳᠠᠨ ᠢ ᠵᠢᠩᠬᠢᠨᠢᠴᠢᠯᠡᠵᠥ ᠬᠡᠷᠡᠭᠯᠡᠪᠡ᠃ ᠬᠤᠳᠠ ᠪᠠᠯᠭᠠᠰᠤᠨ  ᠤ ᠰᠢᠨ᠎ᠠ ᠪᠠᠷ ᠠᠵᠢᠯ ᠤᠯᠤᠭᠰᠠᠨ ᠬᠦᠮᠥᠨ ᠤ ᠲᠤᠭ᠎ᠠ 1614 ᠨᠡᠮᠡᠭᠳᠡᠵᠥ᠂ ᠡᠬᠦᠨ ᠳᠤ ᠲᠠᠬᠢᠵᠥ ᠠᠵᠢᠯ ᠤᠯᠤᠭᠰᠠᠨ 573 ᠬᠦᠮᠤᠨ᠂ ︽40᠂ 50︾ ᠨᠠᠰᠤ ᠲᠠᠢ ᠬᠦᠮᠦᠰ ᠤᠨ ᠳᠠᠬᠢᠨ ᠠᠵᠢᠯ ᠤᠯᠤᠭᠰᠠᠨ ᠳᠤᠭ᠎ᠠ 354 ᠳᠤ ᠬᠦᠷᠴᠥ᠂ ᠬᠤᠳᠠ ᠪᠠᠯᠭᠠᠰᠤᠨ ᠤ ᠲᠡᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ 3.93% ᠳᠤ ᠬᠦᠷᠪᠡ᠃ ᠬᠤᠳᠠ ᠬᠦᠳᠡᠭᠡ ᠶᠢᠨ 2399 ᠬᠦᠳᠡᠯᠮᠦᠷᠢ ᠬᠦᠴᠦᠨ ᠳᠤ ᠪᠤᠯᠪᠠᠰᠤᠷᠠᠯ ᠬᠦᠷᠳᠡᠬᠡᠵᠤ᠂ ᠮᠠᠯᠵᠢᠬᠤ ᠲᠠᠷᠢᠶᠠᠯᠠᠬᠤ ᠤᠷᠤᠨ ᠤ1911 ᠬᠦᠳᠡᠯᠮᠦᠷᠢ ᠬᠦᠴᠦ ᠶᠢ ᠰᠢᠯᠵᠢᠬᠦᠯᠵᠤ ᠠᠵᠢᠯ ᠤᠯᠭᠤᠪᠠ᠃ ᠮᠠᠯᠵᠢᠬᠤ ᠶᠢ ᠵᠤᠭᠰᠤᠭᠠᠨ ᠪᠡᠯᠴᠢᠬᠡᠷ ᠰᠡᠷᠬᠦᠬᠡᠬᠦ᠂ ᠠᠷᠠᠳ ᠢ ᠨᠡᠬᠦᠯᠬᠡᠬᠦ᠂ ᠨᠡᠶᠢᠳᠡ ᠶᠢᠨ ᠠᠰᠢᠭᠳᠤ ᠤᠢ ᠶᠢᠨ ᠠᠮᠢ ᠠᠬᠤᠢ  ᠶᠢᠨ ᠦᠷ᠎ᠡ ᠠᠰᠢᠭ ᠲᠤ ᠨᠦᠬᠦᠪᠦᠷᠢ ᠤᠯᠭᠤᠬᠤ ᠵᠡᠷᠬᠡ ᠴᠢᠬᠤᠯᠠ ᠳᠦᠷᠦᠯ ᠵᠦᠢᠯ ᠲᠠᠢ ᠤᠶᠠᠯᠳᠤᠭᠤᠯᠵᠤ᠂ 13939  ᠮᠠᠯᠴᠢᠨ ᠳᠠᠷᠢᠶᠠᠴᠢᠨ ᠤ ᠨᠠᠰᠤᠵᠢᠯ ᠤᠨ ᠳᠠᠭᠠᠳᠬᠠᠯ ᠢ ᠰᠢᠢᠳᠪᠤᠷᠢᠯᠡᠪᠡ᠃ ᠨᠠᠷᠠᠨ ᠤ ᠡᠨᠧᠷᠬᠢ ᠶᠢᠨ ᠵᠠᠮ ᠤᠨ ᠳ᠋ᠧᠩ᠂ ᠰᠢᠨ᠎ᠡ ᠬᠡᠯᠪᠡᠷᠢ ᠶᠢᠨ ᠡᠰᠢ ᠰᠦᠷᠡᠯ ᠢᠶᠠᠷ ᠬᠡᠶᠢᠵᠢᠬᠦᠯᠬᠦ ᠵᠤᠤᠬ᠎ᠠ ᠵᠡᠷᠬᠡ ᠰᠢᠨ᠎ᠡ ᠮᠡᠷᠬᠡᠵᠢᠯ ᠤᠨ ᠳᠤᠷᠰᠢᠯᠳᠠ ᠪᠠᠷ ᠵᠢᠱᠢᠶ᠎ᠠ ᠦᠵᠡᠬᠦᠯᠵᠤ ᠳᠦᠬᠡᠮᠡᠯᠵᠢᠬᠦᠯᠬᠦ ᠬᠦᠴᠦᠯᠡᠴᠡ ᠪᠠᠨ ᠨᠡᠮᠡᠭᠳᠡᠬᠦᠯᠦᠨ᠂ 1.1 ᠳᠦᠮᠡᠨ ᠮᠠᠯᠴᠢᠨ ᠳᠠᠷᠢᠶᠠᠴᠢᠨ  ᠳᠤ ᠬᠡᠷᠡᠭᠯᠡᠬᠡᠨ  ᠤ ᠮᠡᠷᠬᠡᠵᠢᠯ ᠤᠨ ᠪᠤᠯᠪᠠᠰᠤᠷᠠᠯ ᠬᠦᠷᠳᠡᠭᠡᠪᠡ᠃ ︽ᠬᠤᠶᠠᠷ ᠢ ᠬᠡᠯᠳᠦᠷᠢᠬᠦᠯᠵᠤ ᠨᠢᠬᠡ ᠶᠢ ᠨᠦᠬᠦᠪᠦᠷᠢᠯᠡᠬᠦ︾ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠪᠠᠳᠤᠯᠠᠭᠠᠨ ᠤ ᠵᠠᠷᠤᠳᠠᠯ ᠢ ᠴᠦᠮ ᠨᠠᠶᠢᠳᠠᠪᠤᠷᠢᠵᠢᠭᠤᠯᠪᠠ᠃ ᠦᠨᠳᠦᠷ ᠳᠤᠮᠳᠠᠳᠤ ᠶᠢᠨ ᠰᠣᠷᠤᠭᠴᠢᠳ ᠲᠤ ᠰᠤᠷᠤᠯᠭ᠎ᠠ ᠶᠢᠨ ᠰᠤᠶᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠢ ᠬᠡᠷᠡᠭᠵᠢᠬᠦᠯᠤᠨ᠂ ᠠᠮᠢᠳᠤᠷᠠᠯ ᠬᠦᠴᠢᠷᠳᠡᠯᠳᠡᠢ ᠰᠤᠷᠤᠭᠴᠢᠳ ᠲᠤ 76.6 ᠳᠦᠮᠡᠨ ᠳᠦᠬᠦᠷᠢᠭ ᠤᠨ ᠰᠤᠷᠤᠯᠭ᠎ᠠ ᠶᠢᠨ ᠰᠦᠢᠳᠬᠡᠯ ᠢ ᠳᠤᠰᠠᠯᠠᠬᠤ ᠪᠠ ᠰᠤᠷᠤᠯᠭ᠎ᠠ ᠳᠡᠳᠬᠦᠬᠦ ᠵᠢᠬᠡᠯᠡᠯᠬᠡ  ᠶᠢᠨ ᠮᠦᠩᠬᠦ ᠶᠢ ᠰᠢᠢᠳᠪᠤᠷᠢᠯᠡᠪᠡ᠃ ᠪᠠᠶᠠᠨᠬᠤᠳᠠ ᠶᠢᠨ ᠶᠢᠰᠦᠨ ᠵᠢᠯ ᠤᠨ ᠳᠦᠷᠢᠮᠳᠤ ᠰᠤᠷᠭᠠᠭᠤᠯᠢ᠂ ᠤᠨᠴᠠᠭᠠᠢ ᠰᠤᠷᠭᠠᠨ ᠬᠦᠮᠦᠵᠢᠯ ᠤᠨ ᠰᠤᠷᠭᠠᠭᠤᠯᠢ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠨᠠᠢᠮᠠᠳᠤᠭᠠᠷ ᠳᠤᠮᠳᠠᠳᠤ ᠰᠤᠷᠭᠠᠭᠤᠯᠢ᠂ ᠳᠠᠪᠤᠳᠤᠭᠠᠷ ᠪᠠᠭ᠎ᠠ ᠰᠤᠷᠭᠠᠭᠤᠯᠢ ᠵᠡᠷᠬᠡ ᠰᠤᠷᠭᠠᠭᠤᠯᠢ ᠶᠢ ᠦᠬᠡᠷᠡᠴᠢᠯᠡᠵᠤ ᠦᠷᠬᠡᠳᠬᠡᠬᠦ ᠢᠨᠵᠧᠨᠧᠷᠢᠩ ᠪᠦᠬᠦᠨ ᠢ ᠪᠡᠶᠡᠯᠡᠬᠦᠯᠵᠤ᠂ ᠮᠤᠩᠭᠤᠯ ᠪᠦᠷᠢᠨ ᠳᠤᠮᠳᠠᠳᠤ ᠰᠤᠷᠭᠠᠭᠤᠯᠢ ᠪᠠ ᠶᠢᠰᠦᠳᠦᠬᠡᠷ ᠳᠤᠮᠳᠠᠳᠤ ᠰᠤᠷᠭᠠᠭᠤᠯᠢ  ᠶᠢᠨ ᠰᠤᠷᠭᠠᠭᠤᠯᠢ  ᠶᠢᠨ ᠬᠦᠷᠢᠶᠡᠨ ᠤ ᠦᠬᠡᠷᠡᠴᠢᠯᠡᠯᠳᠡ  ᠶᠢᠨ ᠢᠨᠵᠧᠨᠧᠷᠢᠩ ᠢ ᠬᠡᠷᠡᠭᠵᠢᠬᠦᠯᠦᠨ᠂ ᠰᠤᠷᠭᠠᠭᠤᠯᠢ ᠡᠷᠬᠢᠯᠡᠬᠦ ᠨᠦᠬᠦᠴᠡᠯ ᠤᠯᠠᠮ ᠨᠢᠬᠡ ᠠᠯᠬᠤᠮ ᠰᠠᠶᠢᠵᠢᠷᠠᠪᠠ᠃ ᠭᠤᠷᠪᠠᠳᠤᠭᠠᠷ ᠤᠳᠠᠭᠠᠨ  ᠤ ᠳᠡᠦᠬᠡ  ᠶᠢᠨ ᠳᠤᠷᠠᠰᠬᠠᠯᠳᠤ ᠵᠦᠢᠯᠡᠰ ᠤᠨ ᠨᠡᠶᠢᠳᠡᠮ ᠪᠠᠶᠢᠴᠠᠭᠠᠯᠳᠠ ᠶᠢᠨ ᠠᠵᠢᠯ  ᠢ ᠦᠷᠨᠢᠬᠦᠯᠪᠡ᠃ ᠬᠠᠮᠤᠭ ᠠᠩᠬᠠᠨ  ᠤ ᠵᠠᠩ ᠵᠠᠩᠰᠢᠯ  ᠤᠨ ᠳᠠᠭᠤᠤ ᠪᠦᠵᠢᠭ  ᠤᠨ ᠵᠦᠴᠦᠬᠡ ︽ᠬᠠᠨ ᠳᠡᠭᠷᠢ ᠠᠯᠠᠱᠠ︾  ᠶᠢ ᠨᠠᠶᠢᠷᠠᠭᠤᠯᠵᠤ ᠵᠤᠬᠢᠶᠠᠪᠠ᠃ ᠤᠯᠤᠰ ᠪᠠᠶᠢᠭᠤᠯᠤᠭᠳᠠᠭᠰᠠᠨ 60 ᠵᠢᠯ ᠤᠨ ᠪᠠᠶᠠᠷ  ᠢ ᠳᠤᠬᠢᠶᠠᠯᠳᠤᠭᠤᠯᠵᠤ᠂ ᠵᠠᠭᠤᠨ ᠡᠳᠦᠷ  ᠤᠨ ᠠᠭᠤᠳᠠᠮ ᠳᠠᠯᠠᠪᠠᠢ  ᠶᠢᠨ ᠵᠤᠨ  ᠤ ᠰᠡᠯᠡᠬᠦᠴᠡᠯ᠂ ᠪᠠᠷᠠᠭᠤᠨ ᠤᠷᠤᠨ  ᠤ ᠬᠦᠷᠰᠢ ᠵᠡᠷᠬᠡᠯᠡᠳᠡᠭᠡ ᠠᠶᠢᠮᠠᠭ ᠬᠤᠳᠠ ᠬᠤᠰᠢᠭᠤ ᠰᠢᠶᠠᠨ  ᠤ ᠪᠦᠬᠡ  ᠶᠢᠨ ᠨᠡᠶᠢᠬᠡᠮᠯᠢᠭ  ᠤᠨ ᠬᠠᠮᠵᠢᠯᠴᠠᠭᠠᠨ  ᠤ ᠤᠷᠤᠯᠳᠤᠭᠠᠨ ᠵᠡᠷᠬᠡ ᠠᠯᠢ ᠤᠯᠠᠨ ᠠᠭᠤᠯᠭ᠎ᠠ ᠪᠠᠷ ᠪᠠᠶᠠᠯᠢᠭ ᠰᠤᠶᠤᠯ ᠤᠨ ᠠᠵᠢᠯᠯᠠᠭ᠎ᠠ ᠡᠷᠬᠢᠯᠡᠪᠡ᠃ ᠰᠤᠮᠤ ᠪᠠᠯᠭᠠᠰᠤᠨ  ᠤ ᠶᠡᠷᠦᠩᠬᠡᠶᠢᠯᠡᠭᠰᠡᠨ ᠰᠤᠶᠤᠯ ᠤᠨ ᠦᠷᠳᠡᠬᠡᠨ  ᠤ ᠪᠦᠳᠦᠬᠡᠨ ᠪᠠᠶᠢᠭᠤᠯᠤᠯᠳᠠ᠂ ᠭᠠᠴᠠᠭ᠎ᠠ ᠳᠤᠰᠬᠤᠨ ᠪᠦᠷᠢ ᠳᠤ ᠷᠠᠳᠢᠤ᠋ ᠲᠧᠯᠸᠢᠰ ᠨᠡᠪᠳᠡᠷᠡᠬᠦᠯᠬᠦ ᠢᠨᠵᠧᠨᠧᠷᠢᠩ ᠢ ᠦᠨᠳᠦᠰᠦᠨ ᠳᠡᠭᠡᠨ ᠲᠠᠭᠤᠰᠬᠠᠪᠠ᠃ ᠰᠢᠨ᠎ᠡ ᠬᠡᠯᠪᠡᠷᠢ ᠶᠢᠨ ᠮᠠᠯᠵᠢᠬᠤ ᠳᠠᠷᠢᠶᠠᠯᠠᠬᠤ ᠤᠷᠤᠨ  ᠤ ᠬᠤᠷᠰᠢᠭᠰᠠᠨ ᠡᠮ ᠡᠮᠨᠡᠯᠬᠡ  ᠶᠢᠨ ᠳᠠᠩᠰᠠ ᠳᠠᠶᠢᠯᠬᠤ ᠬᠠᠮᠤᠭ ᠳᠤᠤᠷ᠎ᠠ ᠪᠠᠷᠢᠮᠵᠢᠶ᠎ᠠ ᠶᠢ ᠳᠤᠷᠤᠭᠰᠢᠯᠠᠭᠤᠯᠵᠤ᠂ ᠳᠠᠩᠰᠠ ᠳᠠᠶᠢᠯᠬᠤ ᠬᠠᠮᠤᠭ ᠦᠨᠳᠤᠷ ᠪᠠᠷᠢᠮᠵᠢᠶ᠎ᠠ ᠶᠢ ᠶᠡᠬᠡᠪᠡᠷ ᠳᠡᠬᠡᠭᠰᠢᠯᠡᠬᠦᠯᠦᠨ᠂ 44924 ᠮᠠᠯᠴᠢᠨ ᠳᠠᠷᠢᠶᠠᠴᠢᠨ ᠬᠤᠷᠰᠢᠭᠰᠠᠨ ᠡᠮ ᠡᠮᠨᠡᠯᠬᠡ  ᠳᠤ ᠤᠷᠤᠯᠴᠠᠵᠤ᠂ ᠤᠷᠤᠯᠴᠠᠬᠰᠠᠨ ᠨᠤᠷᠮ᠎ᠠ 95.3% ᠳᠤ ᠬᠦᠷᠪᠡ᠃ ᠪᠠᠶᠠᠨᠨᠢᠷᠤᠭᠤᠨ ᠵᠡᠷᠬᠡ ᠰᠤᠮᠤᠨ  ᠤ ᠡᠷᠡᠬᠦᠯ ᠬᠠᠮᠠᠭᠠᠯᠠᠯ ᠤᠨ ᠬᠤᠷᠢᠶ᠎ᠠ᠂ ᠦᠨᠳᠦᠰᠦᠨ ᠱᠠᠳᠤᠨ ᠤ ᠳᠦᠯᠦᠪᠯᠡᠬᠡᠳᠡᠢ ᠪᠠᠷ ᠬᠡᠦᠬᠡᠳ ᠠᠪᠬᠤ ᠦᠢᠯᠡᠴᠢᠯᠡᠬᠡᠨ ᠤ ᠦᠷᠳᠡᠭᠡ ᠪᠡ ᠤᠯᠠᠨᠪᠤᠯᠠᠭ ᠵᠡᠷᠬᠡ ᠭᠠᠵᠠᠷ ᠤᠨ 12 ᠭᠠᠴᠠᠭᠠᠨ ᠤ ᠡᠷᠡᠬᠦᠯ ᠬᠠᠮᠠᠭᠠᠯᠠᠯ ᠤᠨ ᠳᠠᠰᠤᠭ ᠢ ᠰᠢᠨ᠎ᠡ ᠪᠠᠷ ᠪᠠᠶᠢᠭᠤᠯᠵᠤ᠂ ᠦᠨᠳᠦᠰᠦᠨ ᠱᠠᠳᠤᠨ ᠤ ᠡᠷᠡᠬᠦᠯ ᠬᠠᠮᠠᠭᠠᠯᠠᠯ  ᠤᠨ ᠦᠢᠯᠡᠴᠢᠯᠡᠬᠡᠨ ᠤ ᠳᠤᠭᠳᠠᠯᠴᠠᠭ᠎ᠠ ᠶᠢ ᠴᠢᠨᠠᠭᠰᠢᠳᠠ ᠳᠡᠬᠦᠯᠳᠡᠷᠵᠢᠬᠦᠯᠪᠡ᠃ ᠡᠯ᠎ᠡ ᠵᠦᠢᠯ ᠤᠨ ᠢᠳᠡᠪᠬᠢᠳᠡᠢ ᠠᠷᠭ᠎ᠠ ᠬᠡᠮᠵᠢᠶ᠎ᠠ ᠠᠪᠴᠤ᠂ ᠬᠦᠬᠡ ᠬᠡᠯᠪᠡᠷᠢ  ᠶᠢᠨ ᠬᠠᠯᠳᠠᠪᠤᠷᠢᠳᠤ ᠳᠠᠭᠰᠢᠭᠤᠷ ᠢ ᠪᠦᠳᠦᠮᠵᠢᠳᠡᠢ ᠰᠡᠷᠬᠡᠶᠢᠯᠡᠨ ᠬᠤᠷᠢᠭᠯᠠᠪᠠ᠃ ︽ᠦᠯᠵᠡᠶᠢᠳᠤ ᠨᠤᠳᠤᠭ︾ ᠠᠷᠠᠳ ᠢ ᠬᠠᠷᠠᠭᠠᠯᠵᠡᠨ ᠳᠦᠯᠦᠪᠯᠡᠬᠡᠳᠡᠢ ᠪᠠᠷ ᠬᠡᠦᠬᠡᠳ ᠠᠪᠬᠤ ᠠᠵᠢᠯᠯᠠᠭ᠎ᠠ᠂ ᠳᠤᠳᠠᠭᠤ ᠵᠡᠮᠳᠡᠭ ᠳᠦᠷᠦᠬᠦ  ᠶᠢ ᠰᠡᠷᠬᠡᠶᠢᠯᠡᠬᠦ ᠨᠢᠬᠡᠳᠦᠬᠡᠷ ᠳᠡᠰ ᠤᠨ ᠵᠢᠱᠢᠶ᠎ᠡ ᠦᠵᠡᠬᠦᠯᠬᠦ ᠠᠵᠢᠯ ᠢ ᠦᠷᠨᠢᠬᠦᠯᠪᠡ᠃ ᠬᠦᠮᠦᠨ ᠠᠮᠠ ᠶᠢᠨ ᠳᠦᠷᠦᠯᠳᠡ ᠶᠢᠨ ᠨᠤᠷᠮ᠎ᠠ 7.67‰ᠪᠠᠶᠢᠵᠤ᠂ ᠠᠶᠠᠨᠳᠠᠭᠠᠨ ᠦᠰᠬᠦ ᠨᠤᠷᠮ᠎ᠠ 4.59‰ ᠳᠤ ᠬᠦᠷᠪᠠ᠃ ᠬᠤᠶᠠᠳᠤᠭᠠᠷ ᠤᠳᠠᠭᠠᠨ  ᠤ ᠠᠵᠤ ᠠᠬᠤᠢ ᠶᠢᠨ ᠨᠡᠶᠢᠳᠡᠮ ᠪᠠᠶᠢᠴᠠᠭᠠᠯᠳᠠ ᠶᠢᠨ ᠠᠵᠢᠯ ᠪᠦᠬᠦ ᠳᠠᠯ᠎ᠠ ᠪᠠᠷ ᠲᠠᠭᠤᠰᠪᠠ᠃ ᠬᠤᠶᠠᠷ ᠢ ᠬᠦᠷᠢᠶᠡᠯᠡᠵᠤ ᠬᠠᠮᠳᠤᠪᠠᠷ ᠴᠤᠭᠴᠠᠯᠠᠬᠤ ᠠᠵᠢᠯ ᠬᠦᠨᠵᠡᠬᠡᠢ ᠦᠷᠨᠢᠵᠤ᠂ ᠦᠨᠳᠦᠰᠦᠳᠡᠨ᠂ ᠱᠠᠰᠢᠨ ᠰᠤᠷᠳᠠᠬᠤᠨ᠂ ᠠᠷᠠᠳ  ᠤᠨ ᠠᠭᠠᠷ  ᠤᠨ ᠰᠡᠷᠬᠡᠶᠢᠯᠡᠯᠳᠡ᠂ ᠭᠠᠵᠠᠷ ᠬᠦᠳᠡᠯᠦᠯᠳᠡ᠂ ᠴᠠᠭ ᠠᠭᠤᠷ᠂ ᠳᠠᠩᠰᠠ ᠡᠪᠬᠡᠮᠡᠯ᠂ ᠤᠯᠠᠭᠠᠨ ᠵᠠᠭᠠᠯᠮᠠᠶᠢᠳᠠᠨ᠂ ᠡᠬᠡ ᠨᠢᠯᠬᠠᠰ᠂ ᠵᠡᠮᠳᠡᠭᠴᠣᠳ ᠤᠨ ᠠᠵᠢᠯ  ᠴᠢᠩᠭᠠᠷᠠᠪᠠ᠃ ︵ᠳᠤᠯᠤᠭ᠎ᠠ︶  ᠠᠷᠠᠳᠴᠢᠯᠠᠯᠳᠤ ᠬᠠᠤᠯᠢ ᠳᠦᠷᠢᠮ ᠪᠠ ᠤᠶᠤᠨ  ᠤ ᠪᠤᠯᠪᠠᠰᠤᠨ  ᠤ ᠪᠠᠶᠢᠭᠤᠯᠤᠯᠳᠠ ᠶᠢ ᠬᠦᠨᠵᠡᠬᠡᠢ ᠲᠦᠯᠬᠢᠨ ᠠᠬᠢᠭᠤᠯᠪᠠ᠃ ᠰᠢᠨᠵᠢᠯᠡᠬᠦ ᠤᠬᠠᠭᠠᠨᠴᠢ ᠬᠦᠭᠵᠢᠯᠳᠡ  ᠶᠢᠨ ᠦᠵᠡᠯᠳᠡ  ᠶᠢ ᠬᠦᠨᠵᠡᠬᠡᠢ ᠰᠤᠷᠤᠯᠴᠠᠨ ᠦᠢᠯᠡᠳᠦᠯᠬᠡᠵᠢᠬᠦᠯᠬᠦ ᠠᠵᠢᠯᠯᠠᠭ᠎ᠠ ᠲᠠᠢ ᠨᠢᠭᠳᠠ ᠤᠶᠠᠯᠳᠤᠭᠤᠯᠤᠨ᠂ ᠠᠷᠠᠳ  ᠤᠨ ᠵᠠᠰᠠᠭ  ᠤᠨ ᠤᠷᠳᠤᠨ ᠲᠤᠰ ᠪᠡᠶ᠎ᠡ ᠶᠢᠨ ᠪᠠᠶᠢᠭᠤᠯᠤᠯᠳᠠ ᠪᠠᠨ ᠬᠦᠴᠦᠯᠡᠨ  ᠴᠢᠩᠭᠠᠳᠬᠠᠪᠠ᠃ ᠠᠷᠠᠳ  ᠤᠨ ᠳᠦᠯᠦᠬᠡᠯᠡᠭᠴᠢᠳ  ᠤᠨ ᠶᠡᠭᠡ ᠬᠤᠷᠠᠯ  ᠤᠨ ᠳᠦᠯᠦᠬᠡᠯᠡᠭᠴᠢᠳ ᠤᠨ ᠰᠠᠨᠠᠯ ᠵᠦᠪᠯᠡᠯᠬᠡ  ᠪᠤᠯᠤᠨ ᠤᠯᠤᠰ ᠳᠦᠷᠦ  ᠶᠢᠨ ᠵᠦᠪᠯᠡᠯᠬᠡᠨ  ᠤ ᠬᠡᠰᠢᠬᠦᠳ  ᠤᠨ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠥᠷᠢᠯᠡᠪᠡ᠃ ᠵᠡᠬᠡᠯᠢ ᠭᠤᠳᠤᠮᠵᠢ  ᠶᠢᠨ ᠬᠡᠷᠡᠭ ᠡᠷᠬᠢᠯᠡᠬᠦ ᠭᠠᠵᠠᠷ  ᠤᠨ ᠪᠠᠶᠢᠭᠤᠯᠤᠮᠵᠢ  ᠶᠢᠨ ᠦᠬᠡᠷᠡᠴᠢᠯᠡᠯᠳᠡ  ᠶᠢ ᠬᠡᠷᠡᠭᠵᠢᠬᠦᠯᠵᠤ᠂ ᠳᠤᠯᠤᠳᠤᠭᠠᠷ ᠬᠤᠭᠤᠴᠠᠭᠠᠨ  ᠤ ᠭᠠᠴᠠᠭ᠎ᠠ ᠪᠠ ᠨᠡᠶᠢᠬᠡᠮ ᠳᠤᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠬᠤᠭᠤᠴᠠᠭ᠎ᠠ ᠰᠤᠯᠢᠬᠤ ᠰᠤᠩᠭᠤᠭᠤᠯᠢ  ᠶᠢᠨ ᠠᠵᠢᠯ ᠢ ᠤᠷᠤᠭᠰᠢᠳᠠᠢ ᠳᠡᠬᠦᠰᠬᠡᠪᠡ᠃ ︽ᠳᠠᠪᠤᠳᠤᠭᠠᠷ ᠳᠠᠪᠤᠨ ᠵᠢᠯ︾  ᠤᠨ ᠬᠠᠤᠯᠢ ᠳᠦᠬᠡᠮᠡᠯᠵᠢᠬᠦᠯᠦᠯᠳᠡ  ᠶᠢ ᠬᠦᠨᠵᠡᠬᠡᠢ ᠦᠷᠨᠢᠬᠦᠯᠵᠤ᠂ ᠬᠠᠤᠯᠢ  ᠪᠠᠷ ᠵᠠᠰᠠᠭ ᠶᠠᠪᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠂ ᠬᠠᠤᠯᠢ ᠬᠡᠷᠡᠭᠵᠢᠬᠦᠯᠬᠦ ᠠᠵᠢᠯᠯᠠᠭ᠎ᠠ  ᠶᠢ ᠳᠦᠷᠢᠮᠵᠢᠬᠦᠯᠪᠡ᠃ ᠨᠡᠶᠢᠬᠡᠮ ᠤᠨ ᠠᠮᠤᠷ ᠢ ᠬᠠᠮᠠᠭᠠᠯᠠᠬᠤ ᠳᠤᠰᠬᠠᠢ ᠳᠦᠷᠦᠯ  ᠤᠨ ᠴᠡᠭᠴᠡᠯᠡᠯᠳᠡ ᠦᠷᠨᠢᠬᠦᠯᠦᠨ᠂ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠦᠨᠳᠤ ᠴᠤᠬᠢᠯᠳᠠ ᠦᠭᠴᠤ᠂ ᠴᠢᠬᠤᠯᠠ ᠶᠡᠭᠡ ᠪᠠᠶᠠᠷ ᠲᠤᠷᠠᠰᠬᠠᠯ ᠤᠨ ᠠᠵᠢᠯᠯᠠᠭᠠᠨ  ᠤ ᠬᠤᠭᠤᠴᠠᠭᠠᠨ ᠳᠠᠬᠢ ᠨᠡᠶᠢᠬᠡᠮ  ᠤᠨ ᠳᠤᠭᠳᠠᠭᠤᠨ ᠢ ᠪᠠᠳᠤᠯᠠᠪᠠ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ  ᠢ ᠳᠠᠭᠠᠭᠠᠨ ᠰᠢᠢᠳᠪᠦᠷᠢᠯᠡᠬᠦ ᠳᠦᠷᠢᠮ ᠢ ᠬᠡᠷᠡᠭᠵᠢᠬᠦᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠤᠪᠤᠶᠢᠮ᠎ᠠ ᠠᠰᠠᠭᠤᠳᠠᠯ  ᠢ ᠬᠢᠨᠠᠮᠠᠭᠠᠢ ᠰᠢᠢᠳᠪᠦᠷᠢᠯᠡᠨ᠂ ᠡᠯ᠎ᠡ ᠳᠦᠷᠦᠯ ᠤᠨ ᠳᠠᠯᠳᠠ ᠤᠷᠤᠰᠢᠵᠤ ᠪᠠᠶᠢᠭ᠎ᠠ ᠳᠤᠭᠳᠠᠭᠤᠨ ᠪᠤᠰᠤ ᠬᠦᠴᠦᠨ ᠵᠦᠢᠯ ᠢ ᠢᠳᠡᠪᠬᠢᠳᠡᠢ ᠦᠬᠡᠶᠢᠰᠬᠡᠪᠡ᠃ ᠠᠶᠤᠯ ᠦᠬᠡᠢ ᠦᠢᠯᠡᠳᠪᠦᠷᠢᠯᠡᠬᠦ ᠠᠵᠢᠯ ᠢ ᠶᠡᠬᠡᠪᠡᠷ ᠴᠢᠬᠤᠯᠠᠴᠢᠯᠠᠨ᠂ ᠠᠶᠤᠯ ᠦᠬᠡᠢ ᠦᠢᠯᠡᠳᠪᠦᠷᠢᠯᠡᠯ  ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯ ᠦᠬᠡᠢ ᠦᠢᠯᠡᠳᠪᠦᠷᠢᠯᠡᠯ  ᠤᠨ ᠪᠠᠶᠢᠳᠠᠯ ᠳᠤᠭᠳᠠᠭᠤᠨ ᠪᠠᠶᠢᠬᠤ ᠶᠢ ᠠᠬᠢᠭᠤᠯᠪᠠ᠃ ᠡᠬᠦᠷᠭᠡ ᠴᠢᠳᠠᠪᠬᠢ  ᠶᠢ ᠬᠢᠨᠠᠬᠤ ᠪᠠ ᠬᠢᠨᠠᠨ ᠪᠤᠳᠤᠵᠥ ᠬᠢᠨᠠᠯᠳᠠ ᠲᠠᠯᠪᠢᠬᠤ ᠡᠷᠴᠢᠮ ᠢᠶᠠᠨ ᠨᠡᠮᠡᠭᠳᠡᠬᠦᠯᠵᠤ᠂ ᠠᠵᠢᠯ ᠲᠦᠷᠤᠯ ᠤᠨ ᠰᠤᠷᠳᠠᠯ ᠢ ᠦᠨᠡᠯᠡᠬᠦ ᠠᠵᠢᠯ ᠢ ᠦᠷᠬᠡᠨ ᠢᠶᠠᠷ ᠦᠷᠨᠢᠬᠦᠯᠤᠨ᠂ ᠵᠠᠰᠠᠭ ᠤᠨ ᠤᠷᠳᠤᠨ ᠤ ᠰᠢᠰᠲ᠋ᠧᠮ ᠤᠨ ᠴᠢᠬᠡᠴᠢ ᠵᠠᠰᠠᠭ ᠤᠨ ᠠᠵᠢᠯ ᠪᠦᠬᠦ ᠳᠠᠯ᠎ᠠ ᠪᠠᠷ ᠠᠬᠢᠪᠠ᠃ ᠤᠶᠤᠨ  ᠤ ᠪᠤᠯᠪᠠᠰᠤᠨ  ᠤ ᠪᠠᠶᠢᠭᠤᠯᠤᠯᠳᠠ ᠴᠢᠩᠭᠠᠷᠠᠵᠤ᠂ ᠤᠯᠠᠨ ᠳᠦᠮᠡᠨᠴᠢ ᠰᠤᠶᠤᠯ ᠤᠨ ᠠᠵᠢᠯᠯᠠᠭᠠᠨ ᠤ ᠠᠴᠢᠶᠠᠯᠠᠪᠤᠷᠢ  ᠶᠢ ᠳᠠᠰᠤᠷᠠᠯᠳᠠ ᠦᠬᠡᠢ ᠰᠢᠨᠡᠴᠢᠯᠡᠨ᠂ ᠪᠤᠯᠪᠠᠰᠤᠨ ᠠᠮᠢᠳᠤᠷᠠᠯ  ᠤᠨ ᠵᠠᠩᠰᠢᠯ ᠢ ᠰᠠᠨᠠᠭᠠᠴᠢᠯᠠᠵᠤ᠂ ᠦᠨᠳᠦᠰᠦᠳᠡᠨ  ᠤ ᠵᠤᠷᠢᠭ ᠰᠠᠨᠠᠭ᠎ᠠ ᠪᠠ ᠴᠠᠭ ᠦᠶ᠎ᠡ  ᠶᠢᠨ ᠵᠤᠷᠢᠭ ᠰᠠᠨᠠᠭ᠎ᠠ  ᠶᠢ ᠪᠠᠳᠠᠷᠠᠭᠤᠯᠤᠨ᠂ ᠨᠡᠶᠢᠬᠡᠮ ᠤᠨ ᠪᠤᠯᠪᠠᠰᠤᠨ  ᠤ ᠬᠡᠮᠵᠢᠶ᠎ᠡ ᠶᠢ ᠲᠡᠭᠡᠭᠰᠢᠯᠡᠬᠦᠯᠪᠡ᠃ ᠳᠦᠯᠦᠬᠡᠯᠡᠭᠴᠢᠳ ᠡ᠂ ᠦᠩᠬᠡᠷᠡᠭᠰᠡᠨ ᠨᠢᠬᠡ ᠵᠢᠯ ᠪᠤᠯ ᠪᠢᠳ᠋ᠨ ᠦᠷᠢᠰᠦᠯᠳᠦᠬᠡᠨ  ᠤ ᠳᠤᠮᠳᠠ᠂ ᠵᠦᠷᠢᠴᠡᠯ ᠢ ᠨᠠᠮᠳᠠᠭᠤᠯᠤᠨ᠂ ᠬᠦᠴᠢᠷ ᠪᠡᠷᠬᠡᠰᠢᠶᠡᠯ ᠢ ᠢᠯᠡᠨ ᠲᠠᠪᠠᠵᠥ᠂ ᠠᠵᠤ ᠠᠬᠤᠢ ᠨᠡᠶᠢᠬᠡᠮ ᠢ ᠦᠷᠭᠦᠯᠵᠢᠯᠡᠨ ᠵᠤᠬᠢᠴᠠᠩᠭᠤᠢ ᠬᠦᠭᠵᠢᠬᠦᠯᠦᠭᠰᠡᠨ ᠶᠡᠷᠦ ᠪᠤᠰᠤ ᠶᠢᠨ ᠵᠢᠯ ᠶᠤᠮ᠃ ᠤᠯᠠᠨ ᠤᠯᠤᠰ ᠤᠨ ᠮᠦᠩᠬᠦᠨ ᠬᠦᠢᠯᠬᠡᠬᠡᠨ ᠤ ᠬᠢᠮᠤᠷᠠᠯ  ᠤᠨ ᠠᠰᠢᠭ ᠦᠬᠡᠢ ᠪᠠᠶᠢᠳᠠᠯ ᠳᠤᠤᠷ᠎ᠠ᠂ ᠡᠶᠢᠮᠦᠷᠬᠦ ᠠᠮᠵᠢᠯᠳᠠ ᠤᠯᠤᠭᠰᠠᠨ ᠨᠢ ᠦᠨᠡᠬᠡᠷ ᠬᠢᠯᠪᠡᠷ ᠪᠤᠰᠤ ᠶᠤᠮ᠃ ᠡᠨᠡ ᠪᠤᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ  ᠤ ᠨᠠᠮ  ᠤᠨ ᠬᠤᠷᠢᠶᠠᠨ  ᠤ ᠵᠦᠪ ᠤᠨᠤᠪᠴᠢᠳᠠᠢ ᠤᠳᠤᠷᠢᠳᠤᠭᠰᠠᠨ  ᠤ ᠦᠷ᠎ᠡ ᠳ᠋ᠦᠩ᠂ ᠬᠤᠰᠢᠭᠤᠨ ᠤ ᠠᠷᠠᠳ  ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠬᠠᠤᠯᠢ ᠪᠠᠷ ᠬᠢᠨᠠᠯᠳᠠ ᠲᠠᠯᠪᠢᠵᠥ ᠬᠠᠯᠠᠭᠤᠮᠰᠤᠭ ᠢᠶᠠᠷ ᠳᠡᠮᠵᠢᠭᠰᠡᠨ ᠪᠠ ᠬᠤᠰᠢᠭᠤᠨ ᠤ ᠤᠯᠤᠰ ᠳᠦᠷᠦ ᠶᠢᠨ ᠵᠦᠪᠯᠡᠯᠬᠡᠨ  ᠤ ᠠᠷᠠᠳᠴᠢᠯᠠᠯ ᠢᠶᠠᠷ ᠬᠢᠨᠠᠯᠳᠠ ᠲᠠᠯᠪᠢᠵᠥ ᠲᠤᠰᠠᠯᠠᠨ ᠲᠡᠮᠵᠢᠭᠰᠡᠨ ᠤ ᠦᠷ᠎ᠡ ᠳ᠋ᠦᠩ᠂ ᠮᠦᠨᠴᠤ ᠪᠦᠬᠦ ᠬᠤᠰᠢᠭᠤᠨ  ᠤ ᠠᠷᠠᠳ ᠲᠦᠮᠡᠨ ᠬᠦᠴᠢᠷ ᠠᠴᠠ ᠠᠶᠤᠬᠤ ᠦᠬᠡᠢ ᠴᠢᠷᠮᠠᠶᠢᠨ ᠳᠡᠮᠡᠴᠡᠭᠰᠡᠨ ᠤ ᠦᠷ᠎ᠡ ᠳ᠋ᠦᠩ ᠪᠤᠯᠬᠤ ᠶᠤᠮ᠃ ᠠᠳᠡ ᠪᠢ᠂ ᠬᠤᠰᠢᠭᠤᠨ ᠤ ᠠᠷᠠᠳ ᠤᠨ ᠵᠠᠰᠠᠭ ᠤᠨ ᠤᠷᠳᠤᠨ  ᠢ ᠳᠦᠯᠦᠬᠡᠯᠡᠵᠤ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠳᠦᠮᠡᠨ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ ᠳᠦᠯᠦᠬᠡᠯᠡᠭᠴᠢᠳ᠂ ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠪᠤᠯᠤᠨ ᠠᠯᠠᠱᠠ ᠵᠡᠬᠦᠨ ᠬᠤᠰᠢᠭᠤᠨ  ᠤ ᠡᠯ᠎ᠡ ᠳᠦᠷᠦᠯ  ᠤᠨ ᠠᠵᠢᠯ ᠦᠢᠯᠡᠰ ᠤᠨ ᠬᠦᠭᠵᠢᠯᠳᠡ ᠳᠠᠪᠰᠢᠯᠳᠠ ᠶᠢ ᠬᠠᠯᠠᠮᠵᠢᠯᠠᠨ ᠳᠡᠮᠵᠢᠭᠰᠡᠨ ᠨᠡᠶᠢᠬᠡᠮ  ᠤᠨ ᠡᠯ᠎ᠡ ᠡᠳᠡᠬᠡᠳ ᠤᠨ ᠬᠢᠨ  ᠳᠤ ᠴᠢᠩ ᠰᠡᠳᠬᠢᠯ  ᠤᠨ ᠳᠠᠯᠠᠷᠬᠠᠯ ᠪᠠ ᠡᠷᠬᠢᠮ ᠬᠦᠨᠳᠦᠳᠬᠡᠯ  ᠢᠶᠠᠨ ᠳᠡᠪᠰᠢᠬᠦᠯᠦᠶ᠎ᠡ︕ ᠦᠷ᠎ᠡ ᠪᠦᠳᠦᠮᠵᠢ ᠪᠠᠨ ᠨᠤᠳᠠᠯᠠᠬᠤ ᠶᠢᠨ ᠬᠠᠮᠳᠤ᠂ ᠪᠢᠳᠡᠨ ᠤ ᠤᠷᠤᠭᠰᠢᠯᠠᠬᠤ ᠵᠠᠮ ᠳᠤ ᠪᠠᠰᠠ ᠨᠡᠯᠢᠶᠡᠳ ᠤᠯᠠᠨ ᠬᠦᠴᠢᠷᠳᠡᠯ ᠪᠤᠯᠤᠨ ᠠᠰᠠᠭᠤᠳᠠᠯ ᠤᠷᠤᠰᠢᠵᠤ ᠪᠠᠶᠢᠭ᠎ᠠ ᠶᠢ ᠰᠡᠷᠭᠡᠭ ᠢᠶᠠᠷ ᠳᠠᠨᠢᠵᠤ ᠤᠯᠬᠤ ᠬᠡᠷᠡᠭᠳᠡᠢ᠃ ᠭᠤᠤᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠠ ᠨᠡᠯᠢᠶᠡᠳ ᠪᠠᠭ᠎ᠠ᠂ ᠠᠵᠤ ᠦᠢᠯᠡᠰ ᠤᠨ ᠪᠦᠳᠦᠴᠡ ᠳ᠋ᠠᠩ ᠴᠤᠯᠭᠤᠢ᠂ ᠠᠵᠤ ᠦᠢᠯᠡᠳᠪᠦᠷᠢ ᠶᠢᠨ ᠳᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠬᠤᠴᠤᠷᠤᠩᠭᠤᠢ᠂ ᠪᠦᠳᠦᠴᠡ ᠶᠢ ᠬᠤᠪᠢᠷᠠᠭᠤᠯᠬᠤ ᠪᠠ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ  ᠶᠢᠨ ᠬᠤᠪᠢᠷᠠᠯᠳᠠ ᠶᠢ ᠠᠬᠢᠭᠤᠯᠬᠤ ᠡᠬᠦᠷᠬᠡ ᠪᠠᠰᠠ ᠬᠦᠨᠳᠤ ᠪᠠᠶᠢᠭᠰᠠᠭᠠᠷ︔ ᠮᠠᠯᠵᠢᠬᠤ ᠳᠠᠷᠢᠶᠠᠯᠠᠬᠤ ᠤᠷᠤᠨ ᠤ ᠰᠠᠭᠤᠷᠢ ᠪᠠᠰᠠ ᠯᠡ ᠪᠠᠭᠤᠷᠠᠢ ᠪᠠᠶᠢᠵᠤ᠂ ᠠᠵᠤ ᠦᠢᠯᠡᠰᠴᠢᠯᠡᠭᠰᠡᠨ ᠬᠢᠷᠢ ᠳᠦᠪᠰᠢᠨ ᠨᠡᠯᠢᠶᠠᠳ ᠳᠣᠤᠷ᠎ᠠ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠬᠦ ᠠᠵᠢᠯ ᠤᠨ ᠡᠬᠦᠷᠬᠡ ᠬᠦᠨᠳᠤ ᠵᠠᠮ ᠬᠤᠯᠠ ᠪᠠᠶᠢᠭᠰᠠᠭᠠᠷ︔ ᠬᠤᠳᠳᠤᠭ ᠢᠶᠠᠷ ᠤᠰᠤᠯᠠᠬᠤ ᠤᠷᠤᠨ ᠤ ᠤᠰᠤᠨ ᠳᠦᠪᠰᠢᠨ ᠳᠤᠷᠤᠭᠰᠢᠯᠠᠵᠤ᠂ ᠤᠰᠤᠨ ᠤ ᠴᠢᠨᠠᠷ ᠮᠠᠭᠤᠳᠠᠨ᠂ ᠬᠠᠤᠯᠢ ᠪᠤᠰᠤ ᠪᠠᠷ ᠠᠳᠠᠷ ᠬᠠᠭᠠᠯᠪᠤᠷᠢᠯᠠᠬᠤ ᠶᠠᠪᠤᠳᠠᠯ ᠬᠠᠶᠠ ᠭᠠᠷᠴᠤ ᠪᠤᠢ︔ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠬᠦᠷᠤᠯᠴᠡᠬᠦ ᠦᠭᠡᠢ᠂ ᠠᠵᠤ ᠠᠬᠤᠢ ᠶᠢ ᠡᠷᠴᠢᠮᠳᠠᠢ ᠲᠠᠶᠢᠴᠢᠯᠠᠬᠤ ᠪᠠᠷ ᠳᠤᠳᠠᠮᠠᠭ︔ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠦᠩᠬᠡᠷᠡᠭᠰᠡᠨ  ᠤ ᠦᠷᠢ ᠳᠠᠷᠤᠭᠠᠰᠤ ᠶᠡᠭᠡ ᠪᠠᠶᠢᠵᠤ᠂ ᠬᠤᠶᠢᠰᠢᠳᠠ  ᠶᠢᠨ ᠪᠦᠳᠦᠬᠡᠨ ᠪᠠᠶᠢᠭᠤᠯᠤᠯᠳᠠ ᠳᠤ ᠬᠡᠷᠡᠭᠰᠡᠬᠦ ᠪᠡᠯᠡ ᠮᠦᠩᠬᠦ ᠳᠤᠳᠠᠮᠠᠭ︔ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠪᠤᠯᠤᠨ ᠠᠵᠤ ᠠᠬᠤᠢ ᠶᠢᠨ ᠨᠡᠮᠡᠭᠳᠡᠯ ᠬᠠᠷᠢᠯᠴᠠᠨ ᠵᠤᠬᠢᠴᠠᠬᠤ ᠦᠭᠡᠢ︔ ᠠᠵᠢᠯ ᠤᠯᠤᠭᠰᠠᠳ ᠤᠨᠴᠠᠭᠠᠶᠢᠯᠠᠨ ᠲᠡᠭᠡᠳᠤ ᠰᠤᠷᠭᠠᠭᠤᠯᠢ ᠠᠴᠠ ᠳᠡᠬᠦᠰᠦᠭᠰᠡᠨ ᠰᠤᠷᠤᠭᠴᠢᠳ ᠤᠨ ᠠᠵᠢᠯ ᠰᠤᠩᠭᠤᠬᠤ ᠦᠵᠡᠯᠳᠡ ᠶᠢ ᠳᠠᠷᠤᠢ ᠳᠦᠷᠬᠡᠨ ᠬᠤᠪᠢᠷᠠᠭᠤᠯᠬᠤ ᠴᠢᠬᠤᠯᠠᠳᠠᠢ︔ ᠠᠵᠢᠯ ᠤᠯᠭᠤᠯᠳᠠ ᠪᠠ ᠨᠡᠶᠢᠬᠡᠮ ᠤᠨ ᠪᠠᠳᠤᠯᠠᠭᠠᠨ ᠤ ᠳᠠᠷᠤᠭᠠᠰᠤ ᠮᠦᠨ ᠯᠡ ᠨᠡᠯᠢᠶᠡᠳ ᠬᠦᠨᠳᠤ ᠪᠠᠶᠢᠭᠰᠠᠭᠠᠷ︔ ᠺᠠᠳ᠋ᠷ ᠠᠵᠢᠯᠳᠠᠨ ᠤ ᠠᠵᠢᠯᠯᠠᠬᠤ ᠰᠤᠷᠳᠠᠯ ᠢ ᠴᠢᠩᠭᠠᠳᠬᠠᠵᠤ᠂ ᠬᠡᠷᠡᠭᠵᠢᠬᠦᠯᠬᠦ ᠴᠢᠳᠠᠪᠤᠷᠢ ᠪᠠᠨ ᠤᠯᠠᠮ ᠨᠢᠬᠡ ᠠᠯᠬᠤᠮ ᠳᠡᠬᠡᠭᠰᠢᠯᠡᠬᠦᠯᠬᠦ ᠴᠢᠬᠤᠯᠠᠳᠠᠢ ᠪᠠᠶᠢᠨ᠎ᠠ᠃ ᠡᠳᠡᠬᠡᠷ ᠠᠰᠠᠭᠤᠳᠠᠯ ᠢ ᠪᠢᠳᠠ ᠴᠢᠬᠤᠯᠠᠴᠢᠯᠠᠨ ᠦᠵᠡᠵᠤ  ᠬᠤᠶᠢᠰᠢᠳᠠ ᠶᠢᠨ ᠠᠵᠢᠯ ᠤᠨ ᠳᠤᠮᠳᠠ ᠪᠠᠨ ᠨᠡᠩ ᠬᠦᠴᠦᠳᠡᠢ ᠠᠷᠭ᠎ᠠ ᠬᠡᠮᠵᠢᠶ᠎ᠠ ᠠᠪᠴᠤ ᠦᠨᠡᠨᠬᠦ ᠰᠢᠢᠳᠪᠦᠷᠢᠯᠡᠨ᠎ᠡ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号