| | ᠬᠤᠶᠠᠷ᠂ 2010 ᠣᠨ ᠤ ᠭᠤᠤᠯ ᠠᠵᠢᠯ | 2010 ᠤᠨ ᠪᠤᠯ ᠳᠤᠰ ᠬᠤᠭᠤᠴᠠᠭᠠᠨ ᠤ ᠵᠠᠰᠠᠭ ᠤᠨ ᠤᠷᠳᠤᠨ ᠠᠴᠠ ᠵᠠᠰᠠᠭ ᠶᠠᠪᠤᠭᠤᠯᠵᠤ ᠪᠠᠶᠢᠭ᠎ᠠ | ᠭᠤᠷᠪᠠᠳᠤᠭᠠᠷ ᠵᠢᠯ᠂ ᠮᠦᠨᠴᠦ ︽ᠠᠷᠪᠠᠨ ᠨᠢᠬᠡᠳᠦᠬᠡᠷ ᠳᠠᠪᠤᠨ ᠵᠢᠯ︾ ᠤᠨ ᠳᠦᠯᠦᠪᠵᠢᠬᠦᠯᠬᠡ ᠶᠢ ᠬᠡᠷᠡᠭᠵᠢᠬᠦᠯᠬᠦ | ᠡᠴᠥᠰ ᠤᠨ ᠨᠢᠬᠡ ᠵᠢᠯ ᠪᠤᠯᠤᠨ᠎ᠠ᠃ ᠡᠨᠡ ᠵᠢᠯ ᠤᠨ ᠠᠵᠢᠯ ᠢᠶᠠᠨ ᠰᠠᠶᠢᠳᠤᠷ ᠬᠢᠵᠤ᠂ ᠠᠵᠤ ᠠᠬᠤᠢ ᠶᠢᠨ | ᠰᠡᠷᠬᠦᠯᠳᠡ ᠶᠢᠨ ᠰᠠᠭᠤᠷᠢ ᠶᠢ ᠤᠯᠠᠮ ᠨᠢᠬᠡ ᠠᠯᠬᠤᠮ ᠪᠠᠳᠤᠳᠬᠠᠵᠥ᠂ ︽ᠠᠷᠪᠠᠨ ᠬᠤᠶᠠᠳᠤᠭᠠᠷ ᠳᠠᠪᠤᠨ ᠵᠢᠯ︾ ᠤᠨ | ᠳᠦᠯᠦᠪᠵᠢᠬᠦᠯᠬᠡ ᠶᠢ ᠡᠬᠢᠯᠡᠨ ᠬᠡᠷᠡᠭᠵᠢᠬᠦᠯᠬᠦ ᠳᠤ ᠰᠠᠶᠢᠨ ᠨᠦᠬᠦᠴᠡᠯ ᠪᠦᠷᠢᠯᠳᠦᠬᠦᠯᠵᠤ ᠦᠭᠬᠦ ᠨᠢ ᠲᠦᠢᠯ ᠤᠨ ᠶᠡᠭᠡ | ᠠᠴᠢ ᠬᠤᠯᠪᠤᠭᠳᠠᠯ ᠲᠠᠢ᠃ ᠡᠨᠡ ᠵᠢᠯ ᠤᠨ ᠠᠵᠤ ᠠᠬᠤᠢ ᠶᠢᠨ ᠬᠦᠭᠵᠢᠯᠳᠡ ᠶᠢᠨ ᠭᠠᠳᠠᠭᠠᠳᠤ ᠤᠷᠴᠢᠨ ᠶᠡᠷᠤᠩᠬᠡᠢ | ᠳᠡᠭᠡᠨ ᠨᠢᠳᠤᠨᠤᠨ ᠵᠢᠯ ᠠᠴᠠ ᠰᠠᠶᠢᠨ ᠪᠤᠯᠪᠠᠴᠥ᠂ ᠬᠦᠭᠵᠢᠯᠳᠡ ᠶᠢᠨ ᠳᠤᠮᠳᠠ ᠪᠠᠰᠠ ᠲᠤᠩ ᠠᠷᠪᠢᠨ ᠳᠤᠭᠳᠠᠮᠠᠯ | ᠪᠤᠰᠤ ᠬᠦᠴᠥᠨ ᠵᠦᠢᠯ ᠤᠷᠤᠰᠢᠵᠤ ᠪᠠᠶᠢᠨ᠎ᠠ᠃ ᠪᠢᠳ᠋ᠨ ᠬᠦᠴᠢᠷ ᠪᠡᠷᠬᠡᠰᠢᠶᠠᠯ ᠢ ᠬᠦᠢᠴᠡᠳ ᠵᠢᠱᠢᠵᠥ᠂ ᠠᠷᠭᠠᠴᠠᠭᠠᠬᠤ | ᠠᠷᠭ᠎ᠠ ᠬᠡᠮᠵᠢᠶ᠎ᠠ ᠪᠠᠨ ᠨᠡᠩ ᠨᠠᠷᠢᠯᠢᠭ ᠪᠤᠳᠤᠯᠬᠢᠯᠠᠬᠤ ᠶᠢᠨ ᠬᠠᠮᠳᠤ ᠪᠠᠰᠠ ᠬᠤᠪᠢᠷᠠᠯᠳᠠ ᠶᠢᠨ ᠲᠤᠮᠳᠠ ᠠᠵᠠ | ᠲᠤᠬᠢᠶᠠᠯ ᠢ ᠴᠢᠳᠠᠮᠠᠭᠠᠢ ᠡᠵᠡᠮᠳᠡᠵᠥ᠂ ᠠᠰᠢᠭᠳᠠᠢ ᠬᠦᠴᠥᠨ ᠵᠦᠢᠯ ᠢ ᠪᠤᠢ ᠪᠤᠯᠭᠠᠬᠤ ᠬᠡᠷᠡᠭᠳᠡᠢ᠃ ᠬᠤᠷᠸ᠎ᠠ ᠠᠵᠤ | ᠠᠬᠤᠢ ᠶᠢᠨ ᠳᠦᠷᠦ ᠶᠢᠨ ᠪᠤᠳᠤᠯᠭ᠎ᠠ ᠶᠢᠨ ᠦᠷᠬᠦᠯᠵᠢᠯᠡᠬᠦ ᠴᠢᠨᠠᠷ ᠪᠠ ᠳᠤᠭᠳᠠᠪᠤᠷᠢᠳᠤ ᠴᠢᠨᠠᠷ ᠢᠶᠠᠨ ᠪᠠᠳᠤᠯᠠᠬᠤ ᠨᠢ | ᠪᠢᠳᠠᠨ ᠤ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠪᠠᠨ ᠴᠢᠩᠭᠠᠳᠬᠠᠵᠥ᠂ ᠠᠵᠤ ᠦᠢᠯᠡᠰ ᠤᠨ | ᠳᠡᠰ ᠳᠠᠪᠬᠤᠷᠭ᠎ᠠ ᠪᠠ ᠭᠤᠤᠯ ᠪᠤᠯᠬᠤ ᠦᠷᠢᠰᠦᠯᠳᠦᠬᠡᠨ ᠤ ᠬᠦᠴᠦ ᠪᠠᠨ ᠳᠡᠬᠡᠭᠰᠢᠯᠡᠬᠦᠯᠬᠦ ᠶᠢ ᠳᠦᠷᠬᠡᠳᠬᠡᠵᠤ᠂ | ᠠᠷᠠᠳ ᠤᠨ ᠠᠮᠢᠳᠤᠷᠠᠯ ᠢ ᠪᠠᠳᠤᠯᠠᠵᠤ ᠰᠠᠶᠢᠵᠢᠷᠠᠭᠤᠯᠬᠤ ᠳᠤ ᠠᠰᠢᠭᠳᠠᠢ︔ ᠬᠦᠭᠵᠢᠭᠰᠡᠨ ᠭᠠᠵᠠᠷ ᠤᠷᠤᠨ ᠤ ᠠᠵᠤ | ᠠᠬᠤᠶᠢᠯᠠᠯ ᠤᠳ ᠳᠠᠬᠢᠨ ᠬᠠᠮᠳᠤᠷᠠᠬᠤ ᠪᠠ ᠠᠵᠤ ᠦᠢᠯᠡᠰ ᠤᠨ ᠪᠦᠳᠦᠴᠡ ᠪᠠᠨ ᠲᠤᠬᠢᠷᠠᠭᠤᠯᠬᠤ ᠨᠢ ᠪᠢᠳᠠᠨ ᠤ | ᠳᠡᠷᠢᠬᠦᠨ ᠤ ᠦᠢᠯᠡᠳᠪᠦᠷᠢᠯᠡᠯ ᠤᠨ ᠬᠦᠴᠦᠨ ᠤ ᠰᠢᠯᠵᠢᠯᠳᠡ ᠶᠢ ᠬᠦᠯᠢᠶᠡᠨ ᠠᠪᠬᠤ ᠳᠤ ᠠᠰᠢᠭᠳᠠᠢ᠃ ᠡᠬᠦᠨ ᠤ | ᠬᠠᠮᠳᠤ᠂ ᠤᠷᠴᠢᠮ ᠤᠨ ᠵᠢᠯ ᠳᠤ ᠮᠠᠨ ᠤ ᠬᠤᠰᠢᠭᠤ ᠳᠦᠷᠬᠡᠨ ᠬᠦᠭᠵᠢᠵᠥ ᠰᠠᠭᠤᠷᠢ ᠪᠠᠨ ᠰᠠᠶᠢᠨ ᠲᠠᠯᠪᠢᠭᠰᠠᠨ ᠠᠴᠠ | ᠬᠦᠭᠵᠢᠯᠳᠡ ᠶᠢᠨ ᠵᠤᠷᠰᠢᠯᠳᠤ ᠴᠢᠨᠠᠷ ᠦᠷᠬᠦᠯᠵᠢᠯᠡᠨ ᠦᠢᠯᠡᠳᠦᠯ ᠢᠶᠠᠨ ᠪᠠᠳᠠᠷᠠᠭᠤᠯᠬᠤ ᠪᠤᠯᠤᠨ᠎ᠠ᠃ ᠪᠢᠳᠠ | ᠲᠠᠪᠠᠭᠤᠯᠢᠭ ᠳᠠᠯ᠎ᠠ ᠪᠠᠨ ᠴᠢᠷᠮᠠᠶᠢᠨ ᠪᠠᠳᠠᠷᠠᠭᠤᠯᠵᠤ᠂ ᠳᠦᠷᠦ ᠶᠢᠨ ᠪᠤᠳᠤᠯᠭ᠎ᠠ ᠶᠢ ᠬᠦᠢᠴᠡᠳ ᠠᠰᠢᠭᠯᠠᠨ᠂ ᠠᠵᠢᠯ | ᠢᠶᠠᠨ ᠢᠳᠡᠪᠬᠢᠳᠡᠢ ᠬᠢᠵᠤ᠂ ᠳᠤᠯᠭᠠᠷᠠᠵᠤ ᠮᠡᠳᠡᠬᠦ ᠦᠷᠢᠰᠦᠯᠳᠦᠬᠡᠨ ᠪᠠ ᠬᠦᠴᠢᠷᠳᠡᠯ ᠢ ᠡᠪᠳᠠᠢ ᠠᠷᠭᠠᠴᠠᠭᠠᠳᠠᠭ ᠯᠠ | ᠶᠤᠮ ᠪᠤᠯ ᠠᠵᠤ ᠠᠬᠤᠢ ᠨᠡᠶᠢᠬᠡᠮ ᠤᠨ ᠲᠤᠭᠳᠠᠭᠤᠨ ᠪᠦᠭᠡᠳ ᠨᠡᠯᠢᠶᠡᠳ ᠳᠦᠷᠬᠡᠨ ᠬᠦᠭᠵᠢᠯᠳᠡ ᠶᠢ ᠯᠠᠪᠳᠠᠢ | ᠦᠷᠬᠦᠯᠵᠢᠯᠡᠨ ᠳᠦᠯᠬᠢᠨ ᠠᠬᠢᠭᠤᠯᠵᠤ ᠳᠡᠶᠢᠯᠬᠦ ᠶᠤᠮ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠳ᠋ᠧᠩ ᠰᠢᠶᠤᠤ ᠫᠢᠩ ᠤᠨ | ᠤᠨᠤᠯ ᠪᠠ《 ᠭᠤᠷᠪᠠ ᠶᠢ ᠳᠦᠯᠦᠬᠡᠯᠡᠬᠦ 》ᠴᠢᠬᠤᠯᠠ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠨᠠᠮ ᠤᠨ | ᠠᠷᠪᠠᠨ ᠳᠤᠯᠤᠳᠤᠭᠠᠷ ᠶᠡᠭᠡ ᠬᠤᠷᠠᠯ ᠪᠠ ᠠᠷᠪᠠᠨ ᠳᠤᠯᠤᠳᠤᠭᠠᠷ ᠬᠤᠭᠤᠴᠠᠭᠠᠨ ᠤ ᠭᠤᠷᠪᠠᠳᠤᠭᠠᠷ᠂ ᠳᠦᠷᠪᠡᠳᠦᠬᠡᠷ | ᠪᠦᠬᠦᠳᠡ ᠬᠤᠷᠠᠯᠳᠤᠭᠠᠨ᠂ ᠳᠦᠪ ᠪᠠ ᠦᠪᠡᠷᠳᠡᠬᠡᠨ ᠵᠠᠰᠠᠬᠤ ᠤᠷᠤᠨ ᠤ ᠠᠵᠤ ᠠᠬᠤᠢ ᠶᠢᠨ ᠠᠵᠢᠯ ᠤᠨ ᠬᠤᠷᠠᠯ᠂ | ᠦᠪᠡᠷᠳᠡᠬᠡᠨ ᠵᠠᠰᠠᠬᠤ ᠤᠷᠤᠨ ᠤ ︽ᠬᠤᠶᠠᠷ ᠬᠤᠷᠠᠯ︾ ᠪᠤᠯᠤᠨ ᠠᠶᠢᠮᠠᠭ ᠤᠨ ᠨᠠᠮ ᠤᠨ ᠬᠤᠷᠢᠶᠠᠨ ᠤ ︵ | ᠦᠷᠬᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠥ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠬᠡᠢ ᠰᠤᠷᠤᠯᠴᠠᠨ ᠦᠢᠯᠡᠳᠤᠯᠭᠡᠵᠢᠬᠦᠯᠵᠥ᠂ | ᠴᠢᠨᠠᠷᠯᠢᠭ ᠪᠦᠬᠡᠳ ᠳᠦᠷᠬᠡᠨ ᠬᠦᠭᠵᠢᠯᠳᠡ ᠶᠢ ᠳᠡᠷᠢᠬᠦᠨ ᠴᠢᠬᠤᠯᠠ ᠡᠬᠦᠷᠬᠡ ᠪᠤᠯᠭᠠᠨ ᠪᠠᠷᠢᠮᠳᠠᠯᠠᠵᠤ᠂ ᠠᠷᠠᠳ ᠤᠨ | ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠳᠡᠷᠢᠬᠦᠨ ᠴᠢᠬᠤᠯᠠ ᠬᠠᠷᠠᠯᠳᠠ ᠪᠤᠯᠭᠠᠨ ᠪᠠᠷᠢᠮᠳᠠᠯᠠᠵᠤ᠂ ᠨᠡᠶᠢᠬᠡᠮ ᠤᠨ | ᠡᠶ᠎ᠡ ᠨᠠᠶᠢᠷᠠᠮᠳᠠᠭᠤ ᠳᠤᠭᠳᠠᠭᠤᠨ ᠢ ᠠᠬᠢᠭᠤᠯᠬᠤ ᠶᠢ ᠳᠡᠷᠢᠬᠦᠨ ᠴᠢᠬᠤᠯᠠ ᠬᠠᠷᠢᠭᠤᠴᠠᠯᠭ᠎ᠠ ᠪᠤᠯᠭᠠᠨ ᠪᠠᠷᠢᠮᠳᠠᠯᠠᠵᠤ᠂ | ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠬᠡᠭᠵᠢᠬᠦᠯᠬᠦ ᠶᠢ ᠨᠢᠬᠡᠳᠦᠯᠳᠡᠢ ᠠᠳᠬᠤᠨ᠂ ᠠᠮᠢ ᠠᠬᠤᠢ ᠪᠠ | ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ︽ᠭᠤᠷᠪᠠᠵᠢᠯᠳᠠ︾ ᠶᠢᠨ | ᠤᠶᠠᠯᠳᠤᠨ ᠬᠦᠭᠵᠢᠬᠦ ᠶᠢ ᠬᠦᠴᠦᠯᠡᠨ ᠠᠬᠢᠭᠤᠯᠵᠤ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ | ᠳᠦᠪᠰᠢᠨ ᠢ ᠬᠦᠴᠦᠯᠡᠨ ᠳᠡᠬᠡᠭᠰᠢᠯᠡᠬᠦᠯᠵᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠰᠢᠨ᠎ᠡ ᠦᠷ᠎ᠡ ᠪᠦᠳᠦᠮᠵᠢ | ᠪᠠᠷ ᠠᠶᠢᠮᠠᠭ ᠪᠠᠶᠢᠭᠤᠯᠤᠭᠳᠠᠭᠰᠠᠨ ᠭᠤᠴᠢᠨ ᠵᠢᠯ ᠤᠨ ᠤᠢ ᠶᠢ ᠪᠡᠯᠬᠡᠯᠡᠨ᠎ᠡ᠃ | ᠭᠤᠤᠯ ᠵᠢᠱᠢᠭᠰᠡᠨ ᠬᠠᠷᠠᠯᠳᠠ ᠪᠤᠯ᠄ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 20% ᠠᠴᠠ ᠳᠡᠬᠡᠭᠰᠢ | ᠨᠡᠮᠡᠭᠳᠡᠬᠦᠯᠵᠤ 100 ᠳ᠋ᠦᠩᠰᠢᠭᠤᠷ ᠳᠦᠬᠦᠷᠢᠭ ᠠᠴᠠ ᠳᠠᠪᠠᠭᠤᠯᠤᠨ᠎ᠠ︔ ᠡᠳ᠋ ᠤᠨ ᠵᠠᠰᠠᠭ ᠤᠨ ᠤᠷᠤᠯᠭ᠎ᠠ ᠶᠢ | 25% ᠠᠴᠠ ᠳᠡᠬᠡᠭᠰᠢ ᠨᠡᠮᠡᠭᠳᠡᠬᠦᠯᠤᠨ 16 ᠳ᠋ᠦᠩᠰᠢᠭᠤᠷ ᠳᠦᠬᠦᠷᠢᠭ ᠠᠴᠠ ᠳᠠᠪᠠᠭᠤᠯᠤᠨ᠎ᠠ︔ ᠪᠦᠬᠦ ᠨᠡᠶᠢᠬᠡᠮ ᠤᠨ | ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 70 ᠳ᠋ᠦᠩᠰᠢᠭᠤᠷ ᠳᠦᠬᠦᠷᠢᠭ ᠲᠤ ᠬᠦᠷᠬᠡᠵᠤ 16.7% | ᠪᠠᠷ ᠨᠡᠮᠡᠭᠳᠡᠬᠦᠯᠦᠨ᠎ᠡ︔ ᠨᠡᠶᠢᠬᠡᠮ ᠤᠨ ᠬᠡᠷᠡᠭᠯᠡᠭᠡᠨ ᠤ ᠰᠤᠯᠠ ᠪᠠᠷ ᠪᠤᠷᠤᠯᠠᠭᠤᠯᠬᠤ ᠶᠡᠷᠦᠩᠬᠡᠢ ᠦᠷᠳᠡᠭ ᠢ 24.3 | ᠳ᠋ᠦᠩᠰᠢᠭᠤᠷ ᠳᠦᠬᠦᠷᠢᠭ ᠲᠤ ᠬᠦᠷᠬᠡᠵᠤ 18% ᠪᠠᠷ ᠨᠡᠮᠡᠭᠳᠡᠬᠦᠯᠦᠨ᠎ᠡ︔ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠬᠦᠮᠦᠨ ᠪᠦᠷᠢ ᠶᠢᠨ ᠳᠡᠭᠰᠢᠳᠬᠡᠭᠰᠡᠨ ᠡᠵᠡᠮᠳᠡᠵᠤ ᠪᠤᠯᠬᠤ ᠤᠷᠤᠯᠭ᠎ᠠ ᠪᠠ ᠮᠠᠯᠴᠢᠨ ᠳᠠᠷᠢᠶᠠᠴᠢᠨ ᠤ | ᠬᠦᠮᠦᠨ ᠪᠦᠷᠢ ᠶᠢᠨ ᠳᠡᠭᠰᠢᠳᠬᠡᠭᠰᠡᠨ ᠴᠡᠪᠡᠷ ᠤᠷᠤᠯᠭ᠎ᠠ ᠶᠢ ᠳᠤᠰᠪᠤᠷᠢ 16% ᠪᠠ 18 % ᠪᠠᠷ ᠨᠡᠮᠡᠭᠳᠡᠬᠦᠯᠦᠨ᠂ | ᠪᠦᠬᠦ ᠠᠶᠢᠮᠠᠭ ᠤᠨ ᠳᠤᠮᠳᠠᠴᠢ ᠬᠢᠷᠢ ᠬᠡᠮᠵᠢᠶ᠎ᠠ ᠠᠴᠠ ᠳᠡᠬᠡᠭᠰᠢ ᠪᠠᠶᠢᠯᠭᠠᠬᠤ ᠪᠠᠷ ᠴᠢᠷᠮᠠᠶᠢᠨ᠎ᠠ︔ ᠡᠨᠧᠷᠬᠢ ᠠᠷᠪᠢᠯᠠᠵᠤ | ᠪᠤᠬᠢᠷᠳᠤᠯ ᠪᠠᠭᠠᠰᠬᠠᠬᠤ ᠬᠠᠷᠠᠯᠳᠠ ᠪᠠᠨ ᠳᠡᠬᠡᠳᠤ ᠱᠠᠳᠤᠨ ᠤ ᠳᠤᠭᠳᠠᠭᠠᠭᠰᠠᠨ ᠬᠠᠷᠠᠯᠳᠠ ᠶᠢᠨ ᠬᠡᠪᠴᠢᠶᠡᠨ ᠳᠤ | ᠬᠢᠵᠠᠭᠠᠷᠯᠠᠨ᠎ᠠ᠃ | ᠲᠡᠬᠡᠷᠡᠬᠢ ᠬᠠᠷᠠᠯᠳᠠᠳᠦ ᠡᠬᠦᠷᠬᠡ ᠪᠠᠨ ᠪᠡᠶᠡᠯᠡᠬᠦᠯᠬᠦ ᠳᠤ ᠳᠠᠷᠠᠭᠠᠬᠢ ᠵᠢᠷᠭᠤᠭᠠᠨ ᠲᠠᠯ᠎ᠠ ᠶᠢᠨ ᠠᠵᠢᠯ ᠢ ᠡᠷᠭᠡᠪᠰᠢ | ᠭᠤᠤᠯᠳᠠᠯᠭ᠎ᠠ ᠲᠠᠢ ᠠᠳᠬᠤᠬᠤ ᠭᠡᠷᠡᠭᠳᠡᠢ᠄ | ︵ ᠨᠢᠬᠡ︶ ᠬᠤᠳᠠ ᠬᠦᠳᠡᠭᠡ ᠶᠢᠨ ᠨᠢᠬᠡᠳᠦᠯᠳᠡᠢ ᠳᠦᠯᠦᠪᠵᠢᠬᠦᠯᠬᠡ ᠶᠢ ᠪᠠᠷᠢᠮᠳᠠᠯᠠᠵᠤ᠂ ︽ ᠳᠠᠷᠢᠶᠠᠴᠢᠨ᠂ | ᠳᠠᠷᠢᠶᠠᠯᠠᠩ᠂ ᠳᠠᠷᠢᠶᠠᠯᠠᠬᠤ ᠤᠷᠤᠨ ᠪᠠ ᠮᠠᠯᠴᠢᠨ᠂ ᠮᠠᠯᠵᠢᠯ᠂ ᠮᠠᠯᠵᠢᠬᠤ ᠤᠷᠤᠨ︾ ᠤ ᠠᠵᠢᠯ ᠢ ᠰᠠᠶᠢᠳᠤᠷ ᠬᠢᠵᠤ᠂ | ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠠᠬᠢᠭᠤᠯᠤᠨ᠎ᠠ᠃ | ᠬᠤᠳᠠ ᠬᠦᠳᠡᠭᠡ ᠶᠢᠨ ᠬᠦᠭᠵᠢᠯᠳᠠ ᠶᠢ ᠨᠢᠬᠡᠳᠦᠯᠳᠡᠢ ᠳᠦᠯᠦᠪᠵᠢᠬᠦᠯᠵᠤ᠂ ᠤᠳᠤᠬᠢ ᠪᠠᠶᠢᠳᠠᠯ ᠳᠠᠭᠠᠨ ᠰᠠᠭᠤᠷᠢᠯᠠᠨ | ᠠᠯᠤᠰ ᠬᠡᠳᠤ ᠶᠢᠨ ᠬᠦᠭᠵᠢᠯᠳᠡ ᠶᠢ ᠪᠤᠳᠤᠯᠬᠢᠯᠠᠵᠤ᠂ ᠮᠠᠯᠵᠢᠬᠤ ᠳᠠᠷᠢᠶᠠᠯᠠᠬᠤ ᠤᠷᠤᠨ ᠤ ᠬᠦᠮᠦᠨ ᠠᠮᠠ ᠶᠢ ᠬᠤᠳᠠ | ᠪᠠᠯᠭᠠᠰᠤ ᠪᠠ ᠳᠠᠷᠢᠶᠠᠯᠠᠩ ᠤᠨ ᠪᠤᠰᠤ ᠤᠷᠤᠨ ᠵᠦᠭ ᠰᠢᠯᠵᠢᠬᠦᠯᠬᠦ ᠪᠠᠨ ᠲᠦᠷᠭᠡᠳᠬᠡᠵᠥ᠂ ᠮᠠᠯᠵᠢᠬᠤ ᠳᠠᠷᠢᠶᠠᠯᠠᠬᠤ | ᠤᠷᠤᠨ ᠤ ᠬᠦᠮᠦᠨ ᠠᠮᠠ ᠶᠢ ᠠᠭᠠᠵᠢᠮ ᠢᠶᠠᠷ ᠴᠦᠬᠡᠳᠬᠡᠵᠤ ᠬᠤᠳᠠ ᠬᠦᠳᠡᠭᠡ ᠶᠢᠨ ᠵᠦᠷᠢᠶ᠎ᠡ ᠶᠢ ᠪᠠᠭᠠᠰᠬᠠᠨ᠎ᠠ᠃ | ᠮᠠᠯᠵᠢᠬᠤ ᠳᠠᠷᠢᠶᠠᠯᠠᠬᠤ ᠤᠷᠤᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠳᠠᠰᠤᠷᠠᠯᠳᠠ ᠦᠬᠡᠢ | ᠰᠠᠶᠢᠵᠢᠷᠠᠭᠤᠯᠵᠤ᠂ ᠪᠦᠬᠦ ᠳᠤᠰᠬᠤᠨ ᠢᠶᠠᠷ ᠨᠢ ᠬᠦᠭᠵᠢᠬᠦᠯᠬᠦ᠂ ᠠᠵᠤ ᠦᠢᠯᠡᠰᠵᠢᠯᠳᠠ ᠪᠠᠷ ᠶᠠᠳᠠᠭᠤ ᠶᠢ ᠳᠡᠳᠬᠦᠬᠦ᠂ | ᠠᠷᠠᠳ ᠢ ᠨᠡᠬᠦᠯᠬᠡᠨ ᠪᠠᠯᠭᠠᠰᠤ ᠶᠢ ᠦᠷᠭᠡᠳᠭᠡᠬᠦ ᠵᠡᠷᠬᠡ ᠶᠠᠳᠠᠭᠤ ᠶᠢ ᠲᠡᠳᠬᠦᠬᠦ ᠢᠨᠵᠧᠨᠧᠷᠢᠩ ᠢ ᠰᠠᠶᠢᠳᠤᠷ | ᠪᠡᠶᠡᠯᠡᠭᠦᠯᠦᠨ᠎ᠡ᠃ ᠳᠠᠷᠢᠶᠠᠯᠠᠩ ᠮᠠᠯᠵᠢᠯ ᠢ ᠬᠠᠷᠠᠭᠠᠯᠵᠠᠬᠤ ᠡᠯ᠎ᠡ ᠳᠦᠷᠦᠯ ᠤᠨ ᠳᠦᠷᠦ ᠶᠢᠨ ᠪᠤᠳᠤᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠨᠡᠶᠢᠳᠡ ᠶᠢᠨ ᠠᠰᠢᠭᠳᠤ ᠠᠵᠢᠯ ᠦᠢᠯᠡᠰ ᠤᠨ | ︽ᠤᠴᠢᠷ ᠨᠢᠬᠡᠪᠦᠷᠢ ᠶᠢ ᠲᠤᠰᠬᠠᠢ ᠵᠦᠪᠳᠡᠬᠦ︾ ᠡᠳ᠋ ᠤᠨ ᠵᠠᠰᠠᠭ ᠠᠴᠠ ᠱᠠᠩᠨᠠᠵᠤ ᠨᠦᠬᠦᠪᠦᠷᠢ ᠦᠭᠬᠦ ᠳᠤᠷᠰᠢᠯᠳᠠ | ᠶᠢᠨ ᠴᠡᠭ ᠤᠨ ᠬᠡᠪᠴᠢᠶ᠎ᠠ ᠪᠠᠨ ᠦᠷᠬᠡᠳᠬᠡᠨ᠎ᠡ᠃ ᠰᠤᠮᠤ ᠪᠠᠯᠭᠠᠰᠤ᠂ ᠭᠠᠴᠠᠭ᠎ᠠ ᠳᠤᠰᠬᠤᠨ ᠤ ᠦᠷᠢ ᠰᠢᠷᠢ ᠶᠢ | ᠲᠠᠰᠤᠯᠬᠤ ᠲᠤᠷᠰᠢᠯᠳᠠ ᠶᠢᠨ ᠴᠡᠭ ᠤᠨ ᠠᠵᠢᠯ ᠢ ᠢᠳᠡᠪᠬᠢᠳᠡᠢ ᠰᠦᠪᠡᠭᠴᠢᠯᠡᠨ᠎ᠡ᠃ ᠲᠠᠷᠢᠶᠠᠨ ᠭᠠᠵᠠᠷ ᠬᠠᠳᠤᠯᠠᠩ | ᠪᠡᠯᠴᠢᠭᠡᠷ ᠤᠨ ᠤᠰᠤᠨ ᠠᠰᠢᠭᠯᠠᠯᠳᠠ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠵᠤ᠂ ᠤᠰᠤ ᠠᠷᠪᠢᠯᠠᠬᠤ | ᠦᠨᠳᠦᠷ ᠠᠰᠢᠭᠯᠠᠮᠵᠢᠳᠤ ᠳᠠᠷᠢᠶᠠᠯᠠᠩ ᠢ ᠶᠡᠭᠡᠪᠡᠷ ᠬᠦᠭᠵᠢᠬᠦᠯᠵᠤ᠂ ᠬᠤᠳᠳᠤᠭ ᠤᠨ ᠤᠰᠤ ᠪᠠᠷ ᠤᠰᠤᠯᠠᠵᠥ ᠪᠦᠬᠦᠢ | ᠤᠷᠤᠨ ᠳᠤ ᠰᠦᠷᠴᠢᠨ ᠤᠰᠤᠯᠠᠬᠤ ᠪᠠ ᠳᠤᠰᠤᠭᠠᠨ ᠤᠰᠤᠯᠠᠬᠤ ᠠᠷᠭ᠎ᠠ ᠶᠢ ᠲᠦᠭᠡᠮᠡᠯᠵᠢᠭᠦᠯᠤᠨ᠂ ᠪᠠᠷᠠᠭᠤᠨ ᠪᠡᠯ | ᠤᠨ ᠳᠠᠷᠢᠶᠠᠯᠠᠩ ᠤᠨ ᠤᠰᠤ ᠠᠷᠪᠢᠯᠠᠬᠤ ᠲᠤᠷᠰᠢᠯᠳᠠ ᠶᠢᠨ ᠴᠡᠭ ᠤᠨ ᠢᠨᠵᠧᠨᠧᠷᠢᠩ ᠢ ᠭᠤᠤᠯᠳᠠᠯᠭ᠎ᠠ ᠪᠤᠯᠭᠠᠨ | ᠠᠳᠬᠤᠵᠥ᠂ ᠤᠰᠤ ᠠᠷᠪᠢᠯᠠᠨ ᠤᠰᠤᠯᠠᠬᠤ ᠳᠠᠯᠠᠪᠠᠢ ᠶᠢ ᠳᠦᠮᠡᠨ ᠮᠤ᠋ ᠨᠡᠮᠡᠭᠳᠡᠬᠦᠯᠦᠨ᠎ᠡ᠃ ᠠᠯᠠᠭ ᠮᠠᠭᠠᠵᠢ᠂ | ᠡᠷᠯᠢᠰᠵᠢᠬᠦᠯᠦᠭᠰᠡᠨ ᠨᠠᠷᠢᠮᠤ᠂ ᠨᠠᠷᠠᠨ ᠬᠤᠸᠠᠷ ᠵᠡᠷᠬᠡ ᠤᠰᠤᠨ ᠳᠤ ᠠᠷᠪᠢᠳᠠᠢ ᠰᠢᠯᠢᠳᠡᠭ ᠤᠨᠴᠠᠯᠢᠭᠳᠤ ᠲᠠᠷᠢᠮᠠᠯ | ᠳᠠᠷᠢᠬᠤ ᠶᠢ ᠵᠤᠷᠢᠭᠵᠢᠭᠤᠯᠤᠨ ᠳᠡᠮᠵᠢᠨ᠎ᠡ᠃ ᠳᠠᠷᠢᠶᠠᠯᠠᠩ ᠤᠨ ᠳᠠᠷᠢᠮᠠᠯ ᠤᠨ ᠶᠡᠷᠦᠩᠬᠡᠢ ᠳᠠᠯᠠᠪᠠᠢ ᠶᠢ 28 | ᠳᠦᠮᠡᠨ ᠮᠤ᠋ ᠪᠠᠷ ᠬᠢᠵᠠᠭᠠᠷᠯᠠᠨ᠎ᠠ᠃ ᠮᠠᠯ ᠤᠨ ᠡᠬᠦᠯᠳᠡᠷ ᠰᠠᠶᠢᠵᠢᠷᠠᠭᠤᠯᠬᠤ᠂ ᠬᠠᠰᠢᠶᠠᠯᠠᠵᠥ ᠳᠡᠵᠢᠬᠡᠨ ᠦᠷᠡᠵᠢᠬᠦᠯᠬᠦ | ᠵᠡᠷᠭᠡ ᠰᠢᠨᠵᠢᠯᠡᠬᠦ ᠤᠬᠠᠭᠠᠨᠴᠢ ᠡᠵᠡᠩᠨᠠᠯᠳᠠ ᠶᠢᠨ ᠬᠡᠯᠪᠡᠷᠢ ᠶᠢ ᠪᠦᠬᠦ ᠲᠠᠯ᠎ᠠ ᠪᠠᠷ ᠲᠦᠭᠡᠮᠡᠯᠵᠢᠬᠦᠯᠵᠥ᠂ ᠬᠠᠰᠢᠶᠠᠯᠠᠵᠥ | ᠲᠡᠵᠢᠭᠡᠨ ᠦᠷᠡᠵᠢᠬᠦᠯᠬᠦ ᠮᠠᠯ ᠤᠨ ᠳᠤᠭ᠎ᠠ ᠶᠢ 75 ᠳᠦᠮᠡ ᠳᠤ ᠬᠦᠷᠬᠡᠨ᠎ᠡ᠃ ᠪᠤᠬᠢᠷᠳᠤᠯ ᠦᠬᠡᠢ ᠤᠷᠭᠠᠨᠢᠭ | ᠢᠳᠡᠰᠢᠨ ᠨᠤᠭᠤᠭ᠎ᠠ᠂ ᠢᠳᠡᠰᠢᠨ ᠤ ᠮᠠᠯ ᠢ ᠲᠡᠵᠢᠭᠡᠨ ᠦᠷᠡᠵᠢᠬᠦᠯᠬᠦ᠂ ᠴᠠᠭᠠᠨ ᠭᠤᠶᠤᠤ ᠳᠠᠷᠢᠬᠤ ᠵᠡᠷᠬᠡ | ᠤᠨᠴᠠᠯᠢᠭᠳᠤ ᠠᠵᠤ ᠦᠢᠯᠡᠰ ᠤᠨ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠥ᠂ | ᠤᠯᠠᠨᠪᠤᠯᠠᠭ᠂ ᠪᠠᠷᠠᠭᠤᠨ ᠪᠡᠯ ᠵᠡᠷᠬᠡ ᠳᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢ | ᠪᠤᠯᠪᠠᠰᠤᠷᠠᠭᠤᠯᠤᠨ ᠬᠦᠢᠯᠬᠡᠬᠡᠯᠡᠬᠦ ᠤᠷᠤᠨ ᠲᠤᠭᠤᠷᠢᠭ ᠢ ᠳᠦᠯᠦᠪᠵᠢᠬᠦᠯᠦᠨ ᠪᠠᠶᠢᠭᠤᠯᠤᠨ᠎ᠠ᠃ ᠤᠷᠤᠨ ᠨᠤᠳᠤᠭ | ᠤᠨ ᠲᠤᠳᠤᠷᠬᠠᠶᠢᠯᠠᠯ ᠢᠶᠠᠷ ᠬᠡᠷᠡᠴᠢᠯᠡᠬᠦ ᠲᠠᠸᠠᠷ ᠤᠨ ᠲᠡᠮᠳᠡᠭ ᠢ ᠢᠳᠡᠪᠬᠢᠳᠡᠢ ᠭᠤᠶᠤᠴᠢᠯᠠᠨ ᠮᠡᠳᠡᠬᠦᠯᠵᠤ᠂ ᠰᠢᠯᠢᠳᠡᠭ | ᠡᠬᠦᠯᠳᠡᠷ ᠤᠨ ᠮᠠᠯ᠂ ᠳᠠᠷᠪᠤᠰ᠂ ᠡᠯᠡᠰᠦᠨ ᠳᠤ ᠤᠷᠭᠤᠭᠰᠠᠨ ᠢᠳᠡᠬᠡᠨ ︵ᠡᠮ︶ ᠳᠤ ᠬᠡᠷᠡᠭᠯᠡᠬᠦ ᠪᠦᠳᠦᠬᠡᠭᠳᠡᠬᠦᠨ | ᠵᠡᠷᠬᠡ ᠨᠡᠷᠡᠳᠤ ᠳᠡᠮᠳᠡᠭ ᠢ ᠪᠤᠯᠪᠠᠰᠤᠷᠠᠭᠤᠯᠵᠤ᠂ ᠬᠡᠪᠴᠢᠶᠡᠵᠢᠬᠦᠯᠦᠨ᠂ ᠪᠠᠷᠢᠮᠵᠢᠶᠠᠵᠢᠭᠤᠯᠵᠤ ᠦᠢᠯᠡᠳᠪᠦᠷᠢᠯᠡᠬᠦ ᠶᠢ | ᠪᠡᠶᠡᠯᠡᠬᠦᠯᠵᠤ᠂ ᠵᠠᠬ᠎ᠠ ᠳᠡᠯᠬᠡᠬᠦᠷ ᠲᠠᠬᠢ ᠦᠷᠢᠰᠦᠯᠳᠦᠬᠡᠨ ᠤ ᠬᠦᠴᠦᠨ ᠪᠠ ᠠᠵᠤ ᠠᠬᠤᠢ ᠶᠢᠨ ᠦᠷ᠎ᠡ ᠠᠰᠢᠭ ᠢ | ᠳᠡᠬᠡᠭᠰᠢᠯᠡᠬᠦᠯᠦᠨ᠎ᠡ᠃ ᠴᠠᠭᠠᠨ ᠭᠤᠶᠤᠤ᠂ ᠤᠯᠠᠭᠠᠨ ᠭᠤᠶᠤᠤ᠂ ᠳᠡᠮᠡᠭᠡ ᠮᠠᠯ ᠤᠨ ᠮᠢᠬ᠎ᠠ ︵ᠰᠦ ᠴᠠᠭ᠎ᠠ︶ ᠵᠡᠷᠬᠡ | ᠪᠠᠶᠢᠭᠠᠯᠢᠯᠢᠭ᠂ ᠪᠤᠬᠢᠷᠳᠤᠯ ᠦᠬᠡᠢ᠂ ᠤᠷᠭᠠᠨᠢᠭ ᠢᠳᠡᠰᠢᠨ ᠤ ᠳᠠᠪᠠᠭᠤᠯᠢᠭ ᠢᠶᠠᠨ ᠬᠦᠢᠴᠡᠳ ᠠᠰᠢᠭᠯᠠᠨ᠂ ᠠᠭᠠᠷ᠂ | ᠰᠠᠨᠰᠠᠷ ᠤᠨ ᠠᠶᠠᠯᠠᠯ ᠳᠤ ᠬᠡᠷᠡᠭᠯᠡᠬᠦ ᠢᠳᠡᠬᠡᠨ ᠪᠠ ᠡᠷᠡᠬᠦᠯᠵᠢᠯ ᠤᠨ ᠡᠳ᠋ ᠢ ᠰᠤᠳᠤᠯᠤᠨ ᠪᠦᠳᠦᠬᠡᠨ᠎ᠡ᠃ ᠦᠪᠡᠷᠮᠢᠴᠡ | ᠤᠨᠴᠠᠯᠢᠭ ᠲᠠᠢ᠂ ᠬᠦᠭᠵᠢᠯᠳᠡ ᠶᠢᠨ ᠨᠦᠬᠡᠴᠡ ᠬᠦᠴᠦᠨ ᠲᠠᠢ ᠳᠠᠷᠢᠶᠠᠯᠠᠩ ᠮᠠᠯ ᠠᠵᠤ ᠠᠬᠤᠢ ᠶᠢᠨ | ᠳᠠᠭᠠᠭᠤᠯᠤᠭᠴᠢ ᠠᠵᠥ ᠠᠬᠤᠶᠢᠯᠠᠯ ᠢ ᠲᠡᠮᠵᠢᠨ᠂ ᠳᠠᠷᠢᠶᠠᠯᠠᠩ ᠤᠨ ᠪᠦᠳᠦᠬᠡᠭᠳᠡᠬᠦᠨ ᠮᠠᠯ ᠤᠨ ᠠᠰᠢᠭ ᠰᠢᠮ᠎ᠡ ᠶᠢ | ᠨᠠᠷᠢᠯᠢᠭ ᠪᠤᠯᠪᠠᠰᠤᠷᠠᠭᠤᠯᠬᠤ ᠬᠢᠷᠢ ᠳᠦᠪᠰᠢᠨ ᠢᠶᠠᠨ ᠳᠡᠬᠡᠭᠰᠢᠯᠡᠬᠦᠯᠤᠨ᠂ ᠠᠯᠠᠱᠠ ᠬᠤᠤᠰ ᠪᠦᠬᠦᠳᠤ ᠲᠡᠮᠡᠭᠡ᠂ ᠴᠠᠭᠠᠨ | ᠨᠤᠯᠤᠤᠷᠳᠤ ᠢᠮᠠᠭᠠᠨ ᠤ ᠣᠯᠣᠰ ᠤᠨ ᠳᠡᠰ ᠤᠨ ᠬᠠᠮᠠᠭᠠᠯᠠᠯᠳᠠ ᠶᠢᠨ ᠤᠷᠤᠨ ᠪᠠ ᠡᠬᠦᠯᠳᠡᠷ ᠬᠠᠮᠠᠭᠠᠯᠠᠬᠤ ᠳᠠᠯᠠᠪᠤᠷ | ᠤᠨ ᠪᠦᠳᠤᠭᠡᠨ ᠪᠠᠶᠢᠭᠤᠯᠬᠤ ᠲᠦᠷᠤᠯ ᠵᠦᠢᠯ ᠢ ᠬᠡᠷᠡᠭᠵᠢᠬᠦᠯᠵᠥ᠂ ᠤᠳᠤᠮ ᠤᠨ ᠴᠢᠨᠠᠷ ᠴᠢᠨᠰᠠᠭ᠎ᠠ ᠬᠠᠮᠠᠭᠠᠯᠠᠬᠤ | ᠠᠵᠢᠯ ᠢ ᠰᠠᠶᠢᠳᠤᠷ ᠬᠢᠨ᠎ᠡ᠃ ᠮᠠᠯᠴᠢᠨ ᠳᠠᠷᠢᠶᠠᠴᠢᠨ ᠦᠨ᠎ᠡ ᠵᠠᠰᠠᠭᠴᠢ ᠪᠠ ᠳᠤᠰᠬᠠᠢ ᠬᠤᠷᠰᠢᠶᠠᠵᠢᠯ ᠤᠨ ᠡᠩᠨᠡᠭᠡ ᠶᠢ | ᠪᠤᠯᠪᠠᠰᠤᠷᠠᠭᠤᠯᠤᠨ ᠪᠤᠵᠠᠭᠠᠶᠢᠷᠠᠭᠤᠯᠤᠨ᠎ᠠ᠃ ᠠᠮᠢᠳᠠᠨ ᠤᠷᠭᠤᠮᠠᠯ ᠤᠨ ᠬᠢᠵᠢᠭ ᠢ ᠰᠡᠷᠬᠡᠶᠢᠯᠡᠬᠦ᠂ ᠲᠠᠷᠢᠶᠠᠯᠠᠩ ᠮᠠᠯ | ᠠᠵᠥ ᠠᠬᠤᠢ ᠶᠢᠨ ᠪᠦᠳᠤᠭᠡᠭᠳᠡᠬᠦᠨ ᠤ ᠶᠠᠰᠤ ᠴᠢᠨᠠᠷ ᠢ ᠬᠢᠨᠠᠨ ᠬᠠᠮᠢᠶᠠᠷᠬᠤ ᠠᠵᠢᠯ ᠢ ᠦᠷᠭᠦᠯᠵᠢᠯᠡᠨ ᠴᠢᠩᠭᠠᠳᠬᠠᠨ᠎ᠠ | ᠃ | ︵ᠬᠤᠶᠠᠷ︶ ᠳᠦᠷᠦᠯ ᠵᠦᠢᠯ ᠢᠶᠠᠷ ᠳᠠᠶᠢᠴᠢᠯᠠᠬᠤ ᠶᠢ ᠬᠡᠷᠡᠭᠵᠢᠬᠦᠯᠦᠨ᠂ ᠠᠵᠤ ᠦᠢᠯᠡᠰ ᠢ ᠰᠢᠯᠢᠳᠡᠭᠵᠢᠬᠦᠯᠦᠨ | ᠲᠡᠰ ᠳᠡᠪᠰᠢᠬᠦᠯᠬᠦ ᠶᠢ ᠳᠦᠯᠬᠢᠨ ᠠᠬᠢᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠶᠢ ᠬᠤᠪᠢᠷᠠᠭᠤᠯᠬᠤ | ᠪᠠᠨ ᠳᠦᠷᠬᠡᠳᠬᠡᠨ᠎ᠡ᠃ | ᠲᠦᠷᠤᠯ ᠵᠦᠢᠯ ᠤᠨ ᠬᠦᠮᠤᠷᠭᠡᠨ ᠤ ᠠᠮᠢᠳᠤᠯᠢᠭ ᠬᠠᠮᠢᠶᠠᠷᠤᠯᠳᠠ ᠶᠢ ᠴᠢᠩᠭᠠᠳᠬᠠᠵᠥ᠂ ᠤᠯᠤᠰ ᠤᠨ ᠠᠵᠥ | ᠦᠢᠯᠡᠰ ᠤᠨ ᠲᠦᠷᠥ ᠶᠢᠨ ᠪᠤᠳᠤᠯᠭ᠎ᠠ ᠳᠤ ᠨᠡᠶᠢᠴᠡᠬᠦ ᠪᠠᠷ ᠪᠠᠷᠠᠬᠤ ᠦᠭᠡᠢ ᠪᠠᠰᠠ ᠠᠵᠥ ᠦᠢᠯᠡᠰ ᠤᠨ ᠳᠠᠪᠠᠭᠤᠯᠢᠭ | ᠪᠠ ᠤᠷᠤᠨ ᠨᠤᠳᠤᠭ ᠤᠨ ᠤᠨᠴᠠᠯᠢᠭ ᠢ ᠪᠦᠷᠢᠯᠳᠦᠬᠦᠯᠬᠦ ᠨᠢᠬᠡ ᠪᠦᠯᠦᠭ ᠠᠵᠥ ᠦᠢᠯᠡᠳᠪᠦᠷᠢ ᠶᠢᠨ ᠲᠦᠷᠤᠯ ᠵᠦᠢᠯ ᠢ | ᠨᠠᠷᠢᠯᠢᠭ ᠰᠤᠩᠭᠤᠵᠥ ᠪᠡᠯᠡᠳᠬᠡᠨ᠎ᠡ᠃ ᠨᠡᠬᠦᠷᠡᠰᠤ ᠬᠢᠮᠢ᠂ ᠲᠠᠪᠤᠰᠥ ᠬᠢᠮᠢ᠂ ᠲᠡᠮᠦᠷᠯᠢᠭ ᠰᠤᠩᠭᠤᠬᠤ ᠵᠡᠷᠭᠡ ᠭᠤᠤᠯᠯᠠᠬᠤ | ᠠᠵᠥ ᠦᠢᠯᠡᠰ ᠤᠨ ᠲᠤᠭᠤᠷᠢᠨ ᠳᠤ ᠠᠵᠥ ᠦᠢᠯᠡᠰ ᠤᠨ ᠤᠯᠠᠨ ᠡᠰᠢᠵᠢᠬᠦ ᠶᠢ ᠳᠦᠯᠬᠢᠨ ᠠᠬᠢᠭᠤᠯᠤᠨ᠎ᠠ᠃ ᠡᠨᠡ ᠵᠢᠯ᠂ | ᠰᠦᠩ ᠲᠠ ᠶᠢᠨ 120 ᠲᠦᠮᠡᠨ ᠲᠤᠨ ᠱᠦᠢᠨᠢ᠂ ᠲᠠᠢ ᠰᠢ ᠨᠡᠬᠦᠷᠡᠰᠦᠨ ᠤ ᠪᠦᠯᠦᠭᠯᠡᠯ ᠤᠨ 25 ᠲᠦᠮᠡᠨ ᠲᠤᠨ | ᠢᠳᠡᠪᠬᠢᠵᠢᠬᠦᠯᠦᠭᠰᠡᠨ ᠨᠡᠬᠦᠷᠡᠰᠤ᠂ ᠰᠢᠶᠠᠩᠭᠠᠩ ᠤᠨ ᠯᠢ ᠶᠤᠸᠠᠨ ᠤ 6000 ᠲᠤᠨ ᠪᠤᠳᠤᠭ ᠤᠨ ᠵᠠᠪᠰᠠᠷ ᠤᠨ ᠡᠳ᠋ | ᠵᠡᠷᠭᠡ 10 ᠦᠷᠬᠦᠯᠵᠢᠯᠡᠨ ᠪᠠᠶᠢᠭᠤᠯᠬᠤ ᠳᠦᠷᠦᠯ ᠵᠦᠢᠯ ᠵᠢᠴᠢ ᠳᠤᠮᠳᠠᠳᠤ ᠤᠯᠤᠰ ᠤᠨ ᠳᠠᠪᠤᠰᠤᠨ ᠤ ᠪᠦᠯᠦᠭᠯᠡᠯ | ᠤᠨ 20 ᠳᠦᠮᠡᠨ ᠳᠤᠨ ᠡᠾᠯᠤᠷᠳᠤ ᠺᠠᠯᠼ᠂ ᠤᠯᠤᠰ ᠤᠨ ᠴᠠᠬᠢᠯᠭᠠᠨ ᠦᠢᠯᠡᠰ ᠤᠨ 5 ᠰᠠᠶ᠎ᠠ ᠸᠠᠲ ᠬᠡᠷᠡᠯᠳᠦᠬᠦᠯᠬᠡ | ᠶᠢᠨ ᠢᠨᠵᠧᠨᠧᠷᠢᠩ ᠵᠡᠷᠭᠡ 10 ᠰᠢᠨ᠎ᠠ ᠪᠠᠷ ᠪᠠᠶᠢᠭᠤᠯᠬᠤ ᠲᠦᠷᠤᠯ ᠵᠦᠢᠯ ᠢ ᠭᠤᠤᠯᠳᠠᠯᠭ᠎ᠠ ᠲᠠᠢ ᠰᠠᠶᠢᠳᠤᠷ | ᠠᠳᠬᠤᠨ᠎ᠠ᠃ ᠴᠢᠩ ᠬᠤᠸᠠ ᠶᠢᠨ100 ᠲᠦᠮᠡᠨ ᠲᠤᠨ ᠨᠡᠬᠦᠷᠡᠰᠤ ᠬᠡᠤᠷᠰᠢᠵᠢᠬᠦᠯᠬᠦ᠂ ᠺᠤᠷᠢᠶᠠ ᠤᠯᠤᠰ ᠤᠨ ᠵᠢᠩ | ᠶᠠᠩ ᠺᠤᠮᠫᠠᠨᠢ ᠶᠢᠨ 2000 ᠲᠤᠨ ᠰᠦᠯᠢᠶᠤᠤ ᠶᠢᠨ ᠨᠡᠮᠡᠯᠳᠠ ᠡᠳ᠋ ᠵᠡᠷᠭᠡ 11 ᠲᠦᠷᠤᠯ ᠵᠦᠢᠯ ᠤᠨ ᠡᠬᠢᠨ ᠤ | ᠬᠤᠭᠤᠴᠠᠭᠠᠨ ᠤ ᠠᠵᠢᠯ ᠢ ᠬᠦᠴᠦᠳᠡᠢ ᠠᠬᠢᠭᠤᠯᠤᠨ᠎ᠠ᠃ ᠡᠯ᠎ᠠ ᠲᠦᠷᠤᠯ ᠤᠨ ᠪᠠᠳᠤᠯᠠᠬᠤ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠵᠥ᠂ ᠲᠦᠷᠤᠯ ᠵᠦᠢᠯ ᠤᠨ ᠪᠦᠳᠤᠭᠡᠨ ᠪᠠᠶᠢᠭᠤᠯᠤᠯᠳᠠ ᠶᠢᠨ ᠤᠷᠤᠭᠰᠢᠳᠠᠢ ᠶᠠᠪᠤᠭᠳᠠᠬᠤ ᠶᠢ ᠦᠨᠡᠨᠬᠦ | ᠪᠠᠳᠤᠯᠠᠨ᠎ᠠ᠃ | ︽ᠬᠤᠶᠠᠷ ᠲᠤᠭᠤᠷᠢᠭ ᠨᠢᠭᠡ ᠤᠷᠤᠨ︾ ᠤ ᠬᠦᠭᠵᠢᠯᠳᠠ ᠶᠢᠨ ᠪᠠᠶᠢᠷᠢᠯᠠᠭᠤᠯᠤᠯᠳᠠ ᠶᠤᠰᠤᠭᠠᠷ ᠲᠡᠭᠷᠢ᠂ ᠤᠯᠠᠨᠪᠤᠯᠠᠭ | ᠵᠡᠷᠭᠡ ᠲᠤᠭᠤᠷᠢᠭ ᠤᠷᠤᠨ ᠤ ᠵᠠᠮ᠂ ᠬᠤᠭᠤᠯᠠᠢ ᠶᠢᠨ ᠳᠤᠤᠷ᠂ ᠤᠰᠤ᠂ ᠴᠠᠬᠢᠯᠭᠠᠨ ᠵᠡᠷᠭᠡ ᠲᠦᠬᠦᠷᠵᠢᠬᠦᠯᠦᠭᠰᠡᠨ | ᠲᠦᠬᠦᠭᠡᠷᠤᠮᠵᠢ ᠶᠢ ᠦᠷᠭᠦᠯᠵᠢᠯᠡᠨ ᠲᠡᠬᠦᠯᠳᠡᠷᠵᠢᠬᠦᠯᠵᠥ᠂ ᠲᠤᠭᠤᠷᠢᠭ ᠤᠨ ᠳᠠᠭᠠᠭᠠᠴᠠ ᠶᠢ ᠲᠡᠭᠡᠭᠰᠢᠯᠡᠬᠦᠯᠤᠨ᠎ᠠ᠃ | ᠵᠡᠬᠦᠨ ᠪᠠᠯ ᠤᠨ ᠭᠤᠷᠪᠠᠨ ᠤᠪᠤᠭ᠎ᠠ ᠶᠢᠨ ᠠᠭᠤᠷᠬᠠᠢ ᠶᠢᠨ ᠤᠷᠤᠨ ᠤ ᠲᠠᠢ ᠰᠢ᠂ ᠴᠢᠩ ᠬᠤᠸᠠ ᠪᠦᠯᠦᠭᠯᠡᠯ ᠤᠨ ᠪᠠᠢ | ᠯᠢᠩ ᠵᠡᠷᠭᠡ 12 ᠨᠡᠬᠦᠷᠡᠰᠤᠨ ᠤ ᠠᠵᠥ ᠠᠬᠤᠶᠢᠯᠠᠯ ᠤᠨ 25 ᠠᠭᠤᠷᠬᠠᠢ ᠶᠢᠨ ᠮᠡᠷᠭᠡᠵᠢᠯ ᠢᠶᠠᠨ ᠦᠭᠡᠷᠡᠴᠢᠯᠡᠵᠥ | ᠦᠷᠭᠡᠳᠬᠡᠨ ᠪᠠᠶᠢᠭᠤᠯᠬᠤ ᠶᠢ ᠬᠦᠴᠦᠳᠡᠢ ᠲᠡᠮᠵᠢᠵᠥ᠂ ᠶᠠᠰᠤ ᠴᠢᠨᠠᠷ ᠨᠢ ᠪᠠᠷᠢᠮᠵᠢᠶ᠎ᠠ ᠳᠤ ᠬᠦᠷᠬᠦ ᠶᠢ ᠲᠦᠷᠭᠡᠳᠭᠡᠨ᠂ | ᠨᠡᠬᠦᠷᠡᠰᠤᠨ ᠤ ᠡᠬᠢ ᠪᠠᠶᠠᠯᠢᠭ ᠢ ᠨᠠᠷᠢᠯᠢᠭ ᠪᠤᠯᠪᠠᠰᠤᠷᠠᠭᠤᠯᠬᠤ ᠶᠢ ᠲᠦᠯᠬᠢᠨ ᠠᠬᠢᠭᠤᠯᠵᠥ᠂ ᠨᠠᠭᠦᠷᠡᠰᠥᠨ ᠤ | ᠭᠠᠷᠤᠯᠳᠠ ᠶᠢ 800 ᠲᠦᠮᠡᠨ ᠲᠤᠨ ᠠᠴᠠ ᠳᠠᠪᠠᠭᠤᠯᠬᠤ ᠪᠠᠷ ᠴᠢᠷᠮᠠᠶᠢᠨ᠎ᠠ᠃ ᠡᠬᠦᠨ ᠤ ᠬᠠᠮᠳᠤ᠂ ᠪᠤᠷᠵᠢᠨ | ᠴᠢᠯᠠᠭᠤᠨ ᠤ ᠮᠠᠲ᠋ᠧᠷᠢᠶᠠᠯ ᠪᠤᠯᠪᠠᠰᠤᠷᠠᠭᠤᠯᠬᠤ ᠰᠠᠭᠤᠷᠢᠨ ᠭᠠᠵᠠᠷ ᠤᠨ ᠪᠦᠳᠤᠭᠡᠨ ᠪᠠᠶᠢᠭᠤᠯᠤᠯᠳᠠ ᠶᠢ ᠲᠦᠷᠭᠡᠳᠬᠡᠵᠥ | ᠶᠢᠨ ᠱᠢ ᠵᠢᠢ᠂ ᠵᠦᠩ ᠷᠦᠸᠧ ᠵᠡᠷᠭᠡ 4 ᠠᠵᠥ ᠠᠬᠤᠶᠢᠯᠠᠯ ᠢ ᠲᠠᠷᠤᠢ ᠲᠦᠷᠭᠡᠨ ᠪᠠᠶᠢᠭᠤᠯᠤᠨ᠂ ᠵᠢᠯ ᠤᠨ | ᠪᠤᠯᠪᠠᠰᠤᠷᠠᠭᠤᠯᠬᠤ ᠬᠠᠪᠳᠠᠰᠤᠨ ᠤ ᠬᠡᠮᠵᠢᠶ᠎ᠠ ᠶᠢ 400 ᠲᠦᠮᠡᠨ ᠲᠡᠭᠰᠢ ᠲᠦᠷᠪᠡᠯᠵᠢᠨ ᠮᠧᠲᠷ ᠠᠴᠠ ᠳᠠᠪᠠᠭᠤᠯᠬᠤ ᠪᠠᠷ | ᠴᠢᠷᠮᠠᠶᠢᠨ᠎ᠠ᠃ ᠰᠢᠵᠢᠷ ᠠᠯᠳᠠᠨ ᠤ ᠠᠵᠤ ᠦᠢᠯᠡᠰ ᠤᠨ ᠳᠤᠭᠤᠷᠢᠭ ᠢ ᠢᠳᠡᠪᠬᠢᠳᠡᠢ ᠳᠦᠯᠦᠪᠵᠢᠬᠦᠯᠦᠨ | ᠪᠠᠶᠢᠭᠤᠯᠤᠨ᠎ᠠ᠃ ᠲᠠᠢ ᠰᠢ ᠨᠡᠬᠦᠷᠡᠰᠦᠨ ᠤ ᠪᠦᠯᠦᠭᠯᠡᠯ ᠦᠪᠡᠷᠳᠡᠬᠡᠨ ᠵᠠᠰᠠᠬᠤ ᠤᠷᠤᠨ ᠤ ᠳᠤᠷᠰᠢᠯᠳᠠ ᠶᠢᠨ ᠵᠢᠱᠢᠶ᠎ᠡ | ᠦᠵᠡᠬᠦᠯᠬᠦ ᠠᠵᠤ ᠠᠬᠤᠶᠢᠯᠠᠯ ᠪᠤᠯᠤᠭᠰᠠᠨ ᠠᠰᠢᠭᠳᠠᠢ ᠳᠤᠬᠢᠶᠠᠯ ᠢᠶᠠᠷ ᠡᠷᠬᠢᠯᠳᠡᠳᠤ ᠠᠵᠤ ᠠᠬᠤᠢ ᠶᠢ ᠳᠦᠷᠬᠡᠳᠬᠡᠨ | ᠬᠦᠭᠵᠢᠬᠦᠯᠦᠨ᠎ᠡ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠠᠷᠭ᠎ᠠ | ᠬᠡᠮᠵᠢᠶ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠳ ᠳᠤᠮᠤ ᠠᠵᠤ | ᠠᠬᠤᠶᠢᠯᠠᠯ᠂ ᠳᠤᠮᠤ ᠳᠦᠷᠦᠯ ᠵᠦᠢᠯ ᠲᠠᠢ ᠬᠠᠮᠳᠤᠷᠠᠨ ᠠᠵᠢᠯᠯᠠᠬᠤ ᠶᠢ ᠵᠤᠷᠢᠭᠵᠢᠭᠤᠯᠤᠨ᠂ ᠮᠡᠷᠬᠡᠵᠢᠯ ᠤᠨ | ᠰᠢᠨᠡᠴᠢᠯᠡᠯᠳᠡ ᠶᠢ ᠠᠬᠢᠭᠤᠯᠵᠤ᠂ ᠳᠤᠰᠬᠠᠢ᠂ ᠨᠠᠷᠢᠯᠢᠭ᠂ ᠤᠨᠴᠠᠯᠢᠭ ᠲᠠᠢ᠂ ᠰᠢᠨ᠎ᠡ ᠬᠡᠯᠪᠡᠷᠢ ᠶᠢᠨ ᠨᠡᠷᠡᠳᠤ ᠠᠵᠤ | ᠠᠬᠤᠢ ᠪᠤᠯᠭᠠᠨ ᠬᠦᠭᠵᠢᠬᠦᠯᠦᠨ᠎ᠡ᠃ ᠳᠤᠮᠳᠠ ᠪᠠᠭ᠎ᠠ ᠠᠵᠤ ᠠᠬᠤᠶᠢᠯᠠᠯ ᠤᠨ ᠢᠳᠡᠬᠡᠮᠵᠢᠳᠤ ᠪᠠᠳᠤᠯᠠᠭ᠎ᠠ ᠶᠢᠨ | ᠰᠢᠰᠲ᠋ᠧᠮ ᠢ ᠪᠠᠶᠢᠭᠤᠯᠤᠨ᠂ ᠪᠠᠳᠤᠯᠠᠬᠤ ᠰᠠᠭᠤᠷᠢ ᠮᠦᠩᠬᠦᠨ ᠤ ᠬᠡᠪᠴᠢᠶ᠎ᠡ ᠶᠢ ᠶᠡᠬᠡᠰᠬᠡᠵᠤ᠂ ᠮᠦᠩᠬᠦᠨ | ᠬᠦᠢᠯᠬᠡᠬᠡᠨ ᠤ ᠪᠠᠶᠢᠭᠤᠯᠤᠮᠵᠢ ᠠᠴᠠ ᠭᠤᠤᠯᠳᠠᠯᠭ᠎ᠠ ᠪᠦᠬᠦᠢ ᠳᠦᠷᠦᠯ ᠵᠦᠢᠯ᠂ ᠳᠤᠮᠳᠠ ᠪᠠᠭ᠎ᠠ ᠠᠵᠤ ᠠᠬᠤᠶᠢᠯᠠᠯ ᠳᠤ | ᠢᠳᠡᠭᠡᠮᠵᠢᠳᠤ ᠵᠢᠬᠡᠯᠡᠯᠬᠡ ᠪᠠᠨ ᠨᠡᠮᠡᠭᠳᠡᠬᠦᠯᠬᠦ ᠶᠢ ᠬᠦᠳᠦᠯᠦᠨ ᠵᠢᠯᠤᠭᠤᠳᠤᠨ᠎ᠠ᠃ | ᠠᠭᠤᠷᠬᠠᠢ ᠶᠢᠨ ᠭᠠᠷᠤᠯᠳᠠ᠂ ᠰᠠᠯᠬᠢ ᠨᠠᠷᠠᠨ ᠤ ᠡᠨᠧᠷᠬᠢ ᠤᠨ ᠡᠬᠢ ᠪᠠᠶᠠᠯᠢᠭ ᠪᠠ ᠭᠠᠵᠠᠷ ᠵᠦᠢ ᠶᠢᠨ ᠪᠠᠶᠢᠷᠢᠰᠢᠯ | ᠵᠡᠷᠭᠡ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠵᠡᠬᠦᠨ ᠬᠡᠰᠡᠭ ᠳᠠᠯᠠᠢ ᠳᠠᠭᠠᠤ ᠤᠷᠤᠨ ᠤ ᠠᠵᠤ ᠦᠢᠯᠡᠰ | ᠤᠨ ᠪᠦᠳᠦᠴᠡ ᠪᠠᠨ ᠲᠤᠬᠢᠷᠠᠭᠤᠯᠬᠤ ᠪᠠ ᠵᠡᠬᠦᠨ ᠤᠷᠤᠨ ᠤ ᠪᠡᠯᠠ ᠮᠦᠩᠬᠦ ᠪᠠᠨ ᠪᠠᠷᠠᠭᠤᠨᠰᠢ ᠰᠢᠯᠵᠢᠬᠦᠯᠬᠦ ᠠᠬᠢᠴᠠ | ᠪᠠᠨ ᠲᠦᠷᠭᠡᠳᠬᠡᠭᠰᠡᠨ ᠠᠰᠢᠭᠳᠠᠢ ᠳᠤᠬᠢᠶᠠᠯ ᠢ ᠠᠰᠢᠭᠯᠠᠵᠥ᠂ ᠪᠡᠯᠡ ᠮᠦᠩᠬᠦ ᠪᠠ ᠮᠡᠷᠬᠡᠵᠢᠯ ᠤᠨ ᠲᠠᠯ᠎ᠠ ᠪᠠᠷ ᠪᠤᠳᠠᠳᠤ | ᠬᠦᠴᠥᠨ ᠲᠠᠢ ᠳᠤᠮᠤ ᠠᠵᠤ ᠠᠬᠤᠶᠢᠯᠠᠯ ᠢ ᠢᠳᠡᠪᠬᠢᠳᠡᠢ ᠳᠠᠳᠠᠨ ᠤᠷᠤᠭᠤᠯᠵᠤ᠂ ᠨᠢᠬᠡ ᠠᠵᠤ ᠠᠬᠤᠶᠢᠯᠠᠯ ᠢᠶᠠᠷ ᠨᠢᠬᠡ | ᠬᠡᠰᠡᠭ ᠭᠠᠵᠠᠷ ᠤᠷᠤᠨ ᠢ ᠳᠠᠶᠢᠴᠢᠯᠠᠵᠤ᠂ ᠠᠵᠤ ᠦᠢᠯᠡᠰ ᠤᠨ ᠪᠦᠳᠦᠴᠡ ᠳᠠᠰᠤᠷᠠᠯᠳᠠ ᠦᠬᠡᠢ ᠰᠢᠯᠢᠳᠡᠭᠵᠢᠨ ᠲᠡᠰ | ᠳᠡᠪᠰᠢᠬᠦ ᠰᠠᠶᠢᠨ ᠬᠦᠭᠵᠢᠯᠳᠡ ᠶᠢᠨ ᠪᠠᠶᠢᠳᠠᠯ ᠢ ᠪᠤᠢ ᠪᠤᠯᠭᠠᠨ᠎ᠠ᠃ ᠬᠡᠷ᠎ᠡ ᠳᠤᠭᠳᠠᠭᠰᠠᠨ ᠳᠦᠷᠦᠯ ᠵᠦᠢᠯ ᠢ | ᠨᠠᠶᠢᠳᠠᠪᠤᠷᠢᠵᠢᠭᠤᠯᠬᠤ ᠪᠠᠨ ᠰᠠᠶᠢᠳᠤᠷ ᠠᠳᠬᠤᠵᠤ᠂ ᠳᠦᠷᠦᠯ ᠵᠦᠢᠯ ᠢ ᠠᠪᠴᠠᠯᠳᠤᠭᠤᠯᠬᠤ ᠪᠠ ᠪᠡᠯᠡ ᠮᠦᠩᠬᠦ ᠶᠢ | ᠨᠠᠶᠢᠳᠠᠪᠤᠷᠢᠵᠢᠭᠤᠯᠬᠤ ᠨᠤᠷᠮ᠎ᠠ ᠪᠠᠨ ᠳᠡᠬᠡᠭᠰᠢᠯᠡᠬᠦᠯᠦᠨ᠎ᠡ᠃ ᠭᠠᠵᠠᠷ ᠰᠢᠷᠤᠢ ᠶᠢᠨ ᠡᠬᠢ ᠪᠠᠶᠠᠯᠢᠭ ᠤᠨ ᠬᠠᠮᠢᠶᠠᠷᠤᠯᠳᠠ | ᠪᠠᠨ ᠴᠢᠩᠭᠠᠳᠬᠠᠨ᠂ ᠭᠠᠵᠠᠷ ᠰᠢᠷᠤᠢ ᠶᠢᠨ ᠵᠠᠬ᠎ᠠ ᠳᠡᠯᠬᠡᠬᠦᠷ ᠤᠨ ᠠᠵᠢᠯᠯᠠᠭ᠎ᠠ ᠶᠢ ᠳᠦᠷᠢᠮᠵᠢᠬᠦᠯᠦᠨ᠎ᠡ᠃ ᠡᠬᠢ | ᠪᠠᠶᠠᠯᠢᠭ ᠢ ᠬᠠᠶᠢᠨ ᠪᠠᠶᠢᠴᠠᠭᠠᠬᠤ ᠠᠯᠬᠤᠴᠠ ᠪᠠᠨ ᠳᠦᠷᠬᠡᠳᠬᠡᠵᠤ᠂ ᠠᠭᠤᠷᠬᠠᠢ ᠶᠢᠨ ᠭᠠᠷᠤᠯᠳᠠ ᠶᠢᠨ ᠡᠬᠢ | ᠪᠠᠶᠠᠯᠢᠭ ᠢ ᠨᠢᠭᠡᠳᠬᠡᠬᠦ ᠪᠠᠨ ᠠᠬᠢᠭᠤᠯᠵᠤ᠂ ᠠᠭᠤᠷᠬᠠᠢ ᠶᠢᠨ ᠦᠢᠯᠡᠰ ᠤᠨ ᠡᠮᠬᠢ ᠳᠢᠭᠯᠢᠮ ᠢ ᠪᠦᠬᠦ ᠲᠠᠯ᠎ᠠ ᠪᠠᠷ | ᠴᠡᠭᠴᠡᠯᠡᠨ ᠳᠦᠷᠢᠮᠵᠢᠬᠦᠯᠦᠨ᠎ᠡ᠃ ᠬᠠᠮᠢᠶ᠎ᠠ ᠪᠦᠬᠦᠢ ᠳᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠡᠬᠢ ᠪᠠᠶᠠᠯᠢᠭ ᠤᠨ ᠳᠤᠬᠢᠷᠠᠭᠤᠯᠤᠯᠳᠠ ᠪᠠᠷ ᠠᠵᠤ ᠦᠢᠯᠡᠰ ᠤᠨ ᠪᠦᠳᠦᠴᠡ ᠪᠠᠨ ᠰᠢᠯᠢᠳᠡᠭᠵᠢᠬᠦᠯᠤᠨ | ᠲᠤᠬᠢᠷᠠᠭᠤᠯᠬᠤ ᠶᠢ ᠠᠬᠢᠭᠤᠯᠤᠨ᠎ᠠ᠃ ᠠᠭᠤᠷᠬᠠᠢ ᠶᠢᠨ ᠤᠷᠤᠨ ᠤ ᠤᠷᠴᠢᠨ ᠳᠤᠭᠤᠷᠢᠨ ᠤ ᠴᠡᠭᠴᠡᠯᠡᠯᠳᠡ ᠶᠢᠨ | ᠠᠵᠢᠯ ᠢ ᠬᠦᠨᠵᠡᠬᠡᠢ ᠦᠷᠨᠢᠬᠦᠯᠵᠤ᠂ 22 ᠬᠡᠰᠡᠭ ᠨᠡᠬᠦᠷᠡᠰᠦᠨ ᠠᠭᠤᠷᠬᠠᠢ ᠶᠢᠨ ᠭᠠᠯ ᠢ ᠰᠡᠷᠬᠡᠶᠢᠯᠡᠵᠤ ᠤᠨᠳᠠᠷᠠᠭᠠᠬᠤ | ᠢᠨᠵᠧᠨᠧᠷᠢᠩ ᠢ ᠬᠡᠷᠡᠭᠵᠢᠬᠦᠯᠦᠨ᠎ᠡ᠃ ᠤᠷᠴᠢᠨ ᠳᠤᠭᠤᠷᠢᠨ ᠤ ᠬᠠᠮᠠᠭᠠᠯᠠᠯᠳᠠ ᠶᠢ ᠬᠦᠨᠳᠦᠳᠬᠡᠨ ᠦᠵᠡᠵᠤ᠂ | ᠳᠦᠯᠦᠪᠵᠢᠬᠦᠯᠬᠡ ᠶᠢᠨ ᠤᠷᠴᠢᠨ ᠳᠤᠭᠤᠷᠢᠨ ᠳᠤ ᠦᠨᠡᠯᠡᠯᠳᠡ ᠬᠢᠬᠦ ᠶᠢ ᠴᠢᠩᠭ᠎ᠠ ᠬᠡᠷᠡᠭᠵᠢᠬᠦᠯᠵᠤ᠂ ᠪᠦᠳᠦᠬᠡᠨ | ᠪᠠᠶᠢᠭᠤᠯᠬᠤ ᠳᠦᠷᠦᠯ ᠵᠦᠢᠯ ᠤᠨ ᠤᠷᠴᠢᠨ ᠳᠤᠭᠤᠷᠢᠨ ᠤ ᠨᠦᠯᠦᠬᠡᠯᠡᠯ ᠤᠨ ᠦᠨᠡᠯᠡᠯᠳᠡ ᠪᠠ ︽ᠭᠤᠷᠪᠠ ᠶᠢ | ᠬᠠᠮᠳᠤ ᠳᠤᠨᠢ ᠨᠠᠶᠢᠳᠠᠪᠤᠷᠢᠵᠢᠭᠤᠯᠬᠤ︾ ᠳᠦᠷᠢᠮ ᠢ ᠴᠢᠩᠭ᠎ᠠ ᠬᠡᠷᠡᠭᠵᠢᠬᠦᠯᠵᠤ᠂ ᠡᠨᠧᠷᠬᠢ ᠶᠢ ᠠᠷᠪᠢᠯᠠᠨ ᠪᠤᠬᠢᠷᠳᠤᠯ ᠢ | ᠪᠠᠭᠠᠰᠬᠠᠬᠤ᠂ ᠡᠨᠧᠷᠬᠢ ᠠᠷᠪᠢᠯᠠᠨ ᠬᠤᠷᠤᠭᠳᠠᠯ ᠢ ᠲᠤᠷᠤᠭᠰᠢᠯᠠᠭᠤᠯᠬᠤ ᠠᠵᠢᠯ ᠢ ᠪᠦᠬᠦ ᠳᠠᠯ᠎ᠠ ᠪᠠᠷ ᠳᠦᠯᠬᠢᠨ | ᠠᠬᠢᠭᠤᠯᠤᠨ᠎ᠠ᠃ | ︵ᠭᠤᠷᠪᠠ︶ ᠬᠡᠮᠵᠢᠶ᠎ᠡ᠂ ᠶᠠᠰᠤ ᠴᠢᠨᠠᠷ ᠢᠶᠠᠨ ᠬᠦᠴᠦᠯᠡᠨ ᠲᠡᠭᠡᠭᠰᠢᠯᠡᠬᠦᠯᠵᠥ᠂ ᠬᠡᠷᠡᠭᠯᠡᠬᠡᠨ ᠤ ᠬᠡᠪᠴᠢᠶ᠎ᠠ ᠶᠢ | ᠦᠷᠬᠡᠳᠬᠡᠨ᠂ ᠭᠤᠷᠪᠠᠳᠤᠭᠠᠷ ᠠᠵᠤ ᠦᠢᠯᠡᠰ ᠤᠨ ᠳᠦᠷᠬᠡᠨ ᠬᠦᠭᠵᠢᠯᠳᠡ ᠶᠢ ᠠᠬᠢᠭᠤᠯᠤᠨ᠎ᠠ᠃ | ᠵᠠᠬ᠎ᠠ ᠲᠡᠯᠭᠡᠬᠦᠷᠴᠢᠯᠡᠬᠦ᠂ ᠠᠵᠤ ᠦᠢᠯᠡᠰᠵᠢᠬᠦᠯᠬᠦ᠂ ᠨᠡᠶᠢᠬᠡᠮᠴᠢᠯᠡᠨ ᠬᠦᠭᠵᠢᠬᠦᠯᠬᠦ ᠴᠢᠭᠯᠡᠯ ᠢ ᠪᠠᠷᠢᠮᠳᠠᠯᠠᠵᠤ᠂ | ᠭᠤᠷᠪᠠᠳᠤᠭᠠᠷ ᠠᠵᠤ ᠦᠢᠯᠡᠰ ᠢ ᠬᠦᠭᠵᠢᠬᠦᠯᠬᠦ ᠲᠦᠯᠤᠪᠵᠢᠬᠦᠯᠭᠡ ᠳᠤᠭᠳᠠᠭᠠᠨ᠂ ᠠᠷᠪᠠᠨ ᠵᠤᠷᠪᠤᠰ ᠬᠠᠷᠠᠭᠠᠯᠵᠠᠯᠳᠤ | ᠲᠦᠷᠥ ᠶᠢᠨ ᠪᠤᠳᠤᠯᠭ᠎ᠠ ᠬᠡᠷᠡᠭᠵᠢᠬᠦᠯᠵᠥ᠂ 2000 ᠲᠦᠮᠡᠨ ᠲᠦᠭᠦᠷᠢᠭ ᠭᠠᠷᠭᠠᠨ ᠭᠤᠷᠪᠠᠳᠤᠭᠠᠷ ᠠᠵᠥ ᠦᠢᠯᠡᠰ ᠤᠨ | ᠬᠦᠭᠵᠢᠯᠳᠠ ᠶᠢ ᠲᠡᠮᠵᠢᠬᠦ ᠲᠤᠰᠬᠠᠢ ᠳᠦᠷᠦᠯ ᠤᠨ ᠪᠠᠯᠠ ᠮᠦᠩᠬᠦ ᠪᠤᠯᠭᠠᠨ᠎ᠠ᠃ ᠱᠠᠩᠨᠠᠨ ᠬᠦᠬᠢᠭᠦᠯᠵᠥ ᠨᠦᠬᠦᠪᠦᠷᠢ | ᠤᠯᠭᠤᠬᠤ᠂ ᠵᠢᠬᠡᠯᠡᠯᠬᠡ ᠶᠢᠨ ᠬᠦᠦ ᠮᠦᠩᠬᠦ ᠶᠢ ᠨᠢ ᠳᠦᠯᠦᠬᠦ᠂ ᠵᠢᠬᠡᠯᠡᠯᠬᠡ ᠳᠠᠯᠪᠢᠬᠤ ᠳᠤ ᠪᠠᠳᠤᠯᠠᠭ᠎ᠠ ᠬᠠᠩᠭᠠᠬᠤ᠂ | ᠰᠠᠭᠤᠷᠢ ᠳᠦᠬᠦᠬᠡᠷᠦᠮᠵᠢ ᠶᠢ ᠨᠢ ᠢᠵᠢ ᠪᠦᠷᠢᠳᠤᠬᠦᠯᠬᠦ ᠵᠡᠷᠬᠡ ᠬᠡᠯᠪᠡᠷᠢ ᠪᠠᠷ ᠬᠡᠷᠡᠭᠯᠡᠬᠡᠨ ᠤ ᠨᠡᠮᠡᠭᠳᠡᠯ ᠢ ᠢᠳᠡᠪᠬᠢᠳᠡᠢ | ᠪᠤᠢ ᠪᠤᠯᠭᠠᠵᠥ᠂ ᠤᠯᠠᠨ ᠳᠦᠮᠡᠨ ᠤ ᠠᠮᠢᠳᠤᠷᠠᠯ ᠤᠨ ᠤᠯᠠᠨ ᠳᠠᠯᠠᠳᠤ ᠴᠢᠨᠠᠷ ᠪᠠ ᠦᠪᠡᠷᠮᠢᠴᠠ ᠬᠡᠷᠡᠭᠴᠡᠭᠡ ᠳᠤ | ᠵᠤᠬᠢᠴᠠᠭᠤᠯᠤᠨ ᠭᠤᠷᠪᠠᠳᠤᠭᠠᠷ ᠠᠵᠤ ᠦᠢᠯᠡᠰ ᠢ ᠳᠦᠪᠯᠡᠷᠡᠬᠦᠯᠦᠨ ᠬᠦᠭᠵᠢᠭᠦᠯᠵᠥ᠂ ᠬᠤᠰᠢᠭᠤᠨ ᠤ ᠬᠡᠪᠴᠢᠶᠠᠨ ᠳᠠᠬᠢ | ᠠᠵᠤ ᠠᠬᠤᠢ ᠶᠢᠨ ᠨᠡᠮᠡᠭᠳᠡᠯ ᠢ ᠲᠠᠶᠢᠴᠢᠯᠠᠬᠤ ᠬᠦᠴᠦᠨ ᠢᠶᠠᠨ ᠴᠢᠩᠭᠠᠳᠬᠠᠨ᠎ᠠ᠃ ᠢᠳᠡᠬᠡᠨ ᠤᠮᠳᠠᠭᠠᠨ᠂ | ᠪᠤᠳᠠᠰ ᠤᠨ ᠬᠦᠢᠯᠭᠡᠭᠡ ᠵᠡᠷᠬᠡ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠶᠢ ᠬᠦᠴᠤᠳᠠᠢ ᠠᠬᠢᠭᠤᠯᠵᠥ᠂ ᠨᠡᠶᠢᠬᠡᠮ | ᠳᠤᠭᠤᠷᠢᠭ ᠤᠨ ᠦᠢᠯᠡᠴᠢᠯᠡᠭᠡ᠂ ᠠᠳᠠᠯ ᠠᠬᠤᠢ ᠶᠢᠨ ᠬᠠᠮᠢᠶᠠᠷᠤᠯᠳᠠ ᠵᠡᠷᠭᠡ ᠤᠳᠤ ᠦᠶ᠎ᠡ ᠶᠢᠨ ᠦᠢᠯᠡᠴᠢᠯᠡᠬᠡᠨ ᠤ | ᠬᠦᠭᠵᠢᠯᠳᠡ ᠶᠢ ᠴᠢᠩᠭᠠᠳᠬᠠᠵᠤ᠂ ᠠᠷᠠᠳ ᠤᠯᠠᠨ ᠤ ᠡᠳᠦᠷ ᠢᠷᠡᠬᠦᠶ᠎ᠡ ᠬᠤᠪᠢᠷᠠᠵᠤ ᠪᠠᠶᠢᠭ᠎ᠠ ᠬᠡᠷᠡᠭᠯᠡᠬᠡᠨ ᠤ | ᠱᠠᠭᠠᠷᠳᠠᠯᠭ᠎ᠠ ᠶᠢ ᠬᠠᠩᠭᠠᠬᠤ ᠪᠠᠷ ᠴᠢᠷᠮᠠᠶᠢᠨ᠎ᠠ᠃ ︽ᠬᠦᠳᠡᠭᠡ ᠲᠤᠰᠬᠤᠨ ᠳᠤ ᠳᠦᠬᠡᠬᠦ ᠵᠠᠬ᠎ᠠ ᠳᠡᠯᠬᠡᠬᠦᠷ ᠤᠨ | ᠢᠨᠵᠧᠨᠧᠷᠢᠩ︾ ᠪᠠ ︽ᠬᠤᠤᠰ ᠵᠠᠭᠤᠨ ᠵᠠᠬ᠎ᠠ ᠳᠡᠯᠬᠡᠬᠦᠷ ᠤᠨ ᠢᠨᠵᠧᠨᠧᠷᠢᠩ︾ ᠢᠶᠠᠷ ᠳᠠᠮᠵᠢᠭᠤᠯᠵᠤ᠂ ᠬᠡᠷ ᠤᠨ | ᠴᠠᠬᠢᠯᠭᠠᠨ ᠬᠡᠷᠡᠭᠰᠡᠯ᠂ ᠮᠠᠰᠢᠨ ᠳᠡᠷᠬᠡ᠂ ᠳᠠᠷᠢᠶᠠᠯᠠᠩ ᠮᠠᠯᠵᠢᠯ ᠤᠨ ᠮᠠᠰᠢᠨ ᠲᠤᠨᠤᠭ ᠢ ᠮᠠᠯᠵᠢᠬᠤ ᠳᠠᠷᠢᠶᠠᠯᠠᠬᠤ | ᠤᠷᠤᠨ ᠳᠤ ᠪᠠᠭᠤᠯᠭᠠᠬᠤ ᠢᠨᠵᠧᠨᠧᠷᠢᠩ ᠢ ᠰᠠᠶᠢᠳᠤᠷ ᠬᠡᠷᠡᠭᠵᠢᠬᠦᠯᠵᠥ᠂ ᠮᠠᠯᠵᠢᠬᠤ ᠳᠠᠷᠢᠶᠠᠯᠠᠬᠤ ᠤᠷᠤᠨ ᠤ | ᠬᠦᠢᠯᠬᠡᠬᠡᠨ ᠤ ᠰᠢᠰᠲ᠋ᠧᠮ ᠢ ᠳᠡᠬᠦᠯᠳᠡᠷᠵᠢᠬᠦᠯᠦᠨ᠂ ᠮᠠᠯᠵᠢᠬᠤ ᠳᠠᠷᠢᠶᠠᠯᠠᠬᠤ ᠤᠷᠤᠨ ᠤ ᠬᠡᠷᠡᠭᠯᠡᠬᠡᠨ ᠤ ᠬᠢᠷᠢ | ᠳᠦᠪᠰᠢᠨ ᠢ ᠤᠯᠠᠮ ᠨᠢᠬᠡ ᠠᠯᠬᠤᠮ ᠳᠡᠬᠡᠭᠰᠢᠯᠡᠬᠦᠯᠦᠨ᠎ᠡ᠃ | ︽ᠠᠯᠠᠱᠠ ᠵᠡᠬᠦᠨ ᠬᠤᠰᠢᠭᠤᠨ ᠤ ᠵᠤᠭᠠᠴᠠᠯ ᠤᠨ ᠶᠡᠷᠦᠩᠬᠡᠢ ᠲᠦᠯᠤᠪᠵᠢᠬᠦᠯᠬᠡ︾ ᠶᠢ ᠵᠠᠰᠠᠪᠤᠷᠢ ᠤᠷᠤᠭᠤᠯᠵᠤ | ᠨᠠᠶᠢᠷᠠᠭᠤᠯᠤᠨ᠎ᠠ᠃ ᠳᠠᠯ᠎ᠠ ᠨᠤᠳᠤᠭ᠂ ᠳᠡᠦᠬᠡ᠂ ᠦᠨᠳᠦᠰᠦᠳᠡᠨ ᠤ ᠰᠤᠶᠤᠯ ᠤᠨ ᠠᠭᠤᠯᠬᠤᠨ ᠢ ᠤᠯᠠᠮ ᠨᠢᠬᠡ | ᠠᠯᠬᠤᠮ ᠠᠭᠤᠳᠠᠯᠵᠤ ᠡᠮᠬᠢᠳᠬᠡᠨ᠂ ᠳᠡᠦᠬᠡ ᠰᠤᠶᠤᠯ ᠢᠶᠠᠨ ᠦᠪᠯᠡᠨ ᠵᠠᠯᠭᠠᠮᠵᠢᠯᠠᠵᠤ᠂ ᠵᠤᠭᠠᠴᠠᠯ ᠪᠠ ᠰᠤᠶᠤᠯ ᠤᠨ | ᠤᠶᠠᠯᠳᠤᠯ ᠢ ᠠᠬᠢᠭᠤᠯᠤᠨ᠂ ᠰᠤᠶᠤᠯ ᠤᠨ ᠠᠵᠥ ᠦᠢᠯᠡᠰ ᠢ ᠲᠡᠳᠬᠦᠨ ᠬᠦᠭᠵᠢᠬᠦᠯᠵᠤ᠂ ᠰᠤᠨᠢᠷᠬᠠᠬᠤ᠂ | ᠵᠤᠭᠠᠴᠠᠬᠤ᠂ ᠰᠡᠯᠡᠬᠦᠴᠡᠬᠦ᠂ ᠨᠠᠭᠠᠳᠬᠤ ᠶᠢ ᠨᠢᠬᠡ ᠴᠤᠭᠴᠠᠵᠢᠭᠤᠯᠤᠭᠰᠠᠨ ᠵᠤᠭᠠᠴᠠᠯ ᠢ ᠡᠬᠦᠳᠤᠨ᠎ᠠ᠃ ᠡᠳ᠋ ᠬᠦᠷᠤᠩᠬᠡ | ᠪᠠ ᠪᠡᠯᠠ ᠮᠦᠩᠬᠦ ᠶᠢ ᠳᠠᠩᠰᠠᠯᠠᠨ ᠳᠤᠳᠤᠯᠠᠵᠤ᠂ ᠡᠬᠢ ᠪᠠᠶᠠᠯᠢᠭ ᠢ ᠨᠢᠬᠡᠳᠬᠡᠨ᠂ ᠰᠤᠶᠤᠯ ᠵᠤᠭᠠᠴᠠᠯ ᠢ ᠬᠦᠭᠵᠢᠬᠦᠯᠬᠦ | ᠪᠦᠯᠦᠭᠯᠡᠯ ᠺᠤᠮᠫᠠᠨᠢ ᠶᠢ ᠪᠠᠶᠢᠭᠤᠯᠤᠨ᠎ᠠ᠃ ᠵᠡᠭᠦᠨ ᠬᠡᠶᠢᠳ᠂ ᠦᠷᠡᠰ᠂ ᠤᠯᠠᠭᠠᠨ ᠨᠠᠭᠤᠷ ᠤᠨ ᠦᠵᠡᠮᠵᠢ ᠶᠢᠨ | ᠤᠷᠤᠨ ᠤ ᠰᠠᠭᠤᠷᠢ ᠲᠦᠬᠦᠭᠡᠷᠤᠮᠵᠢ ᠶᠢᠨ ᠪᠦᠳᠤᠭᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ A ᠳᠡᠰ ᠤᠨ | ᠵᠤᠭᠠᠴᠠᠯ ᠤᠨ ᠦᠵᠡᠮᠵᠢ ᠶᠢᠨ ᠤᠷᠤᠨ ᠢ ᠦᠨᠡᠯᠡᠨ ᠳᠤᠭᠳᠠᠭᠠᠬᠤ ᠠᠵᠢᠯ ᠢ ᠰᠠᠶᠢᠳᠤᠷ ᠬᠢᠵᠤ᠂ ᠬᠦᠳᠡᠭᠡ | ᠳᠤᠰᠬᠤᠨ ᠤ ᠵᠤᠭᠠᠴᠠᠯ ᠢ ᠭᠤᠤᠯᠳᠠᠯᠭ᠎ᠠ ᠲᠠᠢ ᠬᠦᠭᠵᠢᠬᠦᠯᠵᠥ᠂ ᠰᠡᠯᠡᠬᠦᠴᠡᠯ ᠵᠤᠭᠠᠴᠠᠯ ᠢ ᠶᠡᠭᠡᠪᠡᠷ ᠬᠦᠭᠵᠢᠬᠦᠯᠦᠨ᠎ᠡ᠃ | ᠦᠨᠳᠦᠰᠦᠳᠡᠨ ᠤ ᠬᠤᠪᠴᠠᠰᠤ ᠵᠠᠰᠠᠯ᠂ ᠡᠯᠡᠰᠦᠨ ᠵᠢᠷᠤᠭ᠂ ᠡᠷᠳᠡᠨ ᠤ ᠳᠠᠭᠤᠷᠢᠶᠠᠮᠠᠯ ᠬᠡᠪᠢᠰ ᠵᠡᠷᠬᠡ ᠤᠨᠴᠠᠯᠢᠭᠳᠤ | ᠵᠤᠭᠠᠴᠠᠯ ᠤᠨ ᠳᠠᠸᠠᠷ ᠢ ᠡᠬᠦᠳᠴᠥ᠂ ᠪᠠᠶᠠᠨᠬᠤᠳᠠ ᠶᠢᠨ ᠵᠤᠭᠠᠴᠠᠯ ᠤᠨ ᠲᠠᠸᠠᠷ ᠤᠨ ᠬᠤᠳᠠᠯᠳᠤᠭᠠᠨ ᠤ ᠵᠠᠬ᠎ᠠ | ᠳᠡᠯᠬᠡᠬᠦᠷ ᠢ ᠪᠠᠶᠢᠭᠤᠯᠤᠨ᠎ᠠ᠃ ᠪᠦᠯᠬᠦᠮ ᠪᠠᠶᠢᠭᠤᠯᠵᠤ ᠤᠯᠤᠰ ᠤᠨ ᠳᠤᠳᠤᠭᠠᠳᠤ ᠶᠢᠨ ᠨᠡᠷ᠎ᠡ ᠨᠦᠯᠦᠬᠡ ᠲᠠᠢ | ᠵᠤᠭᠠᠴᠠᠯ ᠤᠨ ᠰᠤᠯᠢᠯᠴᠠᠭᠠᠨ ᠤ ᠬᠤᠷᠠᠯ ᠳᠤ ᠤᠷᠤᠯᠴᠠᠵᠤ᠂ ᠵᠤᠭᠠᠴᠠᠯ ᠤᠨ ᠦᠢᠯᠡᠰ ᠤᠨ ᠤᠬᠠᠭᠤᠯᠭ᠎ᠠ ᠪᠠ | ᠳᠠᠨᠢᠯᠴᠠᠭᠤᠯᠭ᠎ᠠ ᠪᠠᠨ ᠴᠢᠩᠭᠠᠳᠬᠠᠨ᠂ ᠵᠤᠭᠠᠴᠠᠭᠰᠠᠳ ᠤᠨ ᠵᠠᠬ᠎ᠠ ᠲᠡᠯᠭᠡᠬᠦᠷ ᠢ ᠲᠤᠭᠳᠠᠭᠤᠨ ᠢᠶᠠᠷ ᠦᠷᠭᠡᠳᠬᠡᠨ᠎ᠠ᠃ | ︽ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠳᠠ︾ ᠪᠠ ᠳᠡᠯᠡᠬᠡᠢ ᠶᠢᠨ ᠡᠯᠡᠰᠦ ᠮᠠᠩᠬᠠᠨ ᠤ | ᠭᠠᠵᠠᠷ ᠰᠢᠨᠵᠢᠯᠡᠬᠡᠨ ᠤ ᠴᠡᠴᠡᠷᠯᠢᠭ ᠤᠨ ᠨᠡᠷᠡᠳᠤ ᠳᠡᠮᠳᠡᠭ ᠢ ᠠᠰᠢᠭᠯᠠᠵᠤ᠂ ᠠᠶᠢᠮᠠᠭ ᠪᠠᠶᠢᠭᠤᠯᠤᠭᠳᠠᠭᠰᠠᠨ 30 | ᠵᠢᠯ ᠤᠨ ᠤᠢ ᠶᠢ ᠪᠡᠯᠬᠡᠯᠡᠬᠦ ᠵᠡᠷᠭᠡ ᠠᠵᠢᠯᠯᠠᠭ᠎ᠠ ᠪᠠᠷ ᠲᠤᠬᠢᠶᠠᠯ ᠪᠤᠯᠭᠠᠵᠥ᠂ ᠨᠠᠭᠠᠳᠤᠮ ᠤᠨ ᠬᠤᠷᠠᠯ᠂ ᠦᠷᠡᠰ ᠤᠨ | ᠨᠠᠶᠢᠷ᠂ ᠬᠠᠴᠢᠨ ᠴᠢᠯᠠᠭᠤᠨ ᠤ ᠰᠤᠶᠤᠯ ᠵᠤᠭᠠᠴᠠᠯ ᠤᠨ ᠨᠠᠶᠢᠷ᠂ ᠤᠪᠤᠭᠠᠨ ᠰᠤᠶᠤᠯ ᠤᠨ ᠨᠠᠶᠢᠷ᠂ ᠳᠤᠮᠳᠠᠳᠤ | ᠤᠯᠤᠰ ᠤᠨ ᠮᠤᠲ᠋ᠤᠷ ᠲᠡᠷᠬᠡᠨ ᠤ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠬᠡ ᠡᠯ᠎ᠡ ᠵᠦᠢᠯ ᠤᠨ ᠪᠠᠶᠠᠷ ᠲᠤᠷᠠᠰᠬᠠᠯ | ᠤᠨ ᠠᠵᠢᠯᠯᠠᠭ᠎ᠠ ᠶᠢ ᠰᠠᠶᠢᠳᠤᠷ ᠡᠷᠬᠢᠯᠡᠨ᠎ᠠ᠃ 100 ᠲᠦᠮᠠ ᠢᠯᠡᠬᠦᠤ ᠤᠯᠤᠰ ᠤᠨ ᠳᠤᠳᠤᠭᠠᠳᠤ ᠭᠠᠳᠠᠭᠠᠳᠤ ᠶᠢᠨ | ᠵᠤᠭᠠᠴᠠᠭᠰᠠᠳ ᠢ ᠤᠭᠳᠤᠨ ᠵᠤᠴᠢᠯᠠᠵᠥ 16.3% ᠪᠠᠷ ᠨᠡᠮᠡᠭᠳᠡᠬᠦᠯᠤᠨ᠂ ᠵᠤᠭᠠᠴᠠᠯ ᠤᠨ ᠤᠷᠤᠯᠭ᠎ᠠ ᠶᠢ 5 | ᠳ᠋ᠦᠩᠰᠢᠭᠤᠷ ᠳᠦᠬᠦᠷᠢᠭ ᠠᠴᠠ ᠳᠠᠪᠠᠭᠤᠯᠵᠤ 21.5% ᠪᠠᠷ ᠨᠡᠮᠡᠭᠳᠡᠬᠦᠯᠦᠨ᠎ᠡ᠃ | ︵ᠳᠦᠷᠪᠡ︶ ᠬᠦᠯᠢᠶᠡᠨ ᠲᠠᠭᠠᠭᠠᠬᠤ ᠴᠢᠳᠠᠪᠬᠢ ᠪᠠᠨ ᠳᠡᠬᠦᠯᠳᠡᠷᠵᠢᠬᠦᠯᠵᠤ᠂ ᠬᠤᠳᠠ ᠶᠢᠨ ᠴᠢᠨᠠᠷ ᠲᠡᠰ ᠢᠶᠠᠨ | ᠳᠡᠬᠡᠭᠰᠢᠯᠡᠬᠦᠯᠦᠨ᠂ ᠤᠷᠤᠰᠢᠨ ᠰᠠᠭᠤᠬᠤ ᠳᠤ ᠳᠤᠬᠢᠷᠠᠮᠵᠢᠳᠠᠢ ᠬᠤᠳᠠ ᠶᠢ ᠪᠦᠳᠦᠬᠡᠨ ᠪᠠᠶᠢᠭᠤᠯᠤᠨ᠎ᠠ᠃ | ᠠᠮᠢ ᠠᠬᠤᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠪᠠ ᠬᠤᠳᠠ ᠲᠤᠳᠤᠷᠠᠬᠢ ︵ᠬᠦᠪᠡᠭᠡ ᠳᠠᠭᠠᠤ︶ | ᠳᠤᠰᠬᠤᠨ ᠢ ᠦᠬᠡᠷᠡᠴᠢᠯᠡᠬᠦ ᠪᠠᠷ ᠭᠤᠤᠯᠳᠠᠯᠭ᠎ᠠ ᠪᠤᠯᠭᠠᠨ᠂ ᠪᠠᠶᠠᠨᠬᠤᠳᠠ ᠶᠢᠨ ᠬᠤᠳᠠ ᠶᠢᠨ ᠳᠤᠭᠤᠷᠢᠭ ᠤᠨ | ᠴᠢᠳᠠᠪᠬᠢ ᠶᠢ ᠳᠡᠬᠦᠯᠳᠡᠷᠵᠢᠬᠦᠯᠦᠨ᠂ ᠤᠷᠤᠰᠢᠨ ᠰᠠᠭᠤᠬᠤ ᠳᠤ ᠳᠤᠬᠢᠷᠠᠮᠵᠢᠳᠠᠢ ᠬᠤᠳᠠ ᠶᠢ ᠪᠦᠳᠦᠬᠡᠨ ᠪᠠᠶᠢᠭᠤᠯᠤᠨ᠎ᠠ᠃ | ᠨᠡᠬᠦᠳᠡᠯᠴᠢᠨ ᠦᠨᠳᠦᠰᠦᠳᠡᠨ ᠢ ᠰᠠᠭᠤᠷᠢᠰᠢᠭᠤᠯᠬᠤ᠂ ᠠᠷᠠᠳ ᠢ ᠨᠡᠬᠦᠯᠭᠡᠨ ᠪᠠᠯᠭᠠᠰᠤ ᠪᠠᠨ ᠦᠷᠬᠡᠳᠬᠡᠬᠦ ᠵᠡᠷᠬᠡ | ᠲᠦᠷᠥᠯ ᠵᠦᠢᠯ ᠢᠶᠠᠷ ᠳᠦᠰᠢᠭ ᠪᠤᠯᠭᠠᠨ ᠨᠡᠬᠦᠯᠬᠡᠵᠤ ᠲᠦᠪᠬᠢᠨᠡᠬᠦᠯᠬᠦ ᠬᠦᠴᠦᠯᠡᠴᠡ ᠪᠠᠨ ᠨᠡᠮᠡᠭᠳᠡᠬᠦᠯᠵᠥ᠂ ᠪᠠᠷᠠᠭᠤᠨ | ᠬᠡᠰᠡᠭ ᠤᠨ ᠭᠤᠷᠪᠠᠨ ᠵᠤᠷᠪᠤᠰ ᠵᠠᠮ᠂ ᠬᠤᠸᠠ ᠶᠤᠸᠡᠨ ᠬᠤᠶᠢᠳᠤ ᠵᠡᠭᠡᠯᠢ ᠵᠡᠷᠭᠡ ᠵᠠᠮ ᠢ ᠡᠬᠢᠯᠡᠵᠤ ᠵᠠᠰᠠᠨ᠂ | ᠪᠠᠷᠠᠭᠤᠨ ᠭᠤᠷᠪᠠᠨ ᠲᠤᠰᠬᠤᠨ᠂ ᠯᠢᠥ ᠱᠥ ᠭᠸᠥ ᠭᠠᠴᠠᠭ᠎ᠠ ᠶᠢ ᠶᠡᠷᠤᠩᠭᠡᠶᠢᠯᠡᠨ ᠦᠭᠡᠷᠡᠴᠢᠯᠡᠬᠦ ᠶᠢ ᠲᠦᠯᠬᠢᠨ | ᠠᠬᠢᠭᠤᠯᠵᠥ᠂ ᠬᠤᠳᠠ ᠶᠢᠨ ᠬᠦᠭᠵᠢᠯᠳᠠ ᠶᠢᠨ ᠤᠷᠤᠨ ᠵᠠᠢ ᠶᠢ ᠶᠡᠬᠡᠰᠭᠡᠨᠠ᠃ ᠬᠤᠸᠠᠷᠠᠨ ᠤ ᠰᠢᠯᠢ ᠶᠢᠨ | ᠦᠵᠡᠮᠵᠢ ᠶᠢᠨ ᠴᠡᠴᠡᠷᠯᠢᠭ ᠤᠨ ᠭᠤᠷᠪᠠᠳᠤᠭᠠᠷ ᠬᠤᠭᠤᠴᠠᠭ᠎ᠠ᠂ ᠠᠮᠢ ᠠᠬᠤᠢ ᠶᠢᠨ ᠬᠦᠷᠢᠶᠡᠯᠡᠩ ᠤᠨ ᠦᠵᠡᠮᠵᠢ ᠤᠨ | ᠢᠨᠵᠧᠨᠧᠷᠢᠩ ᠪᠠ ᠬᠤᠳᠠ ᠶᠢᠨ ᠭᠤᠤᠯ ᠪᠤᠯᠬᠤ ᠭᠤᠷᠪᠠᠨ ᠡᠬᠦᠳᠡᠨ ᠤ ᠬᠡᠰᠡᠭ ᠭᠠᠵᠠᠷ ᠢ ᠶᠡᠷᠤᠩᠭᠡᠶᠢᠯᠡᠨ ᠵᠠᠰᠠᠵᠤ | ᠦᠭᠡᠷᠡᠴᠢᠯᠡᠬᠦ ᠵᠢᠴᠢ ᠬᠤᠳᠠ ᠪᠠᠯᠭᠠᠰᠤᠨ ᠤ ᠡᠮ ᠡᠮᠨᠡᠯᠭᠡ ᠶᠢᠨ ᠵᠦᠢᠯᠡᠰ ᠤᠨ ᠬᠠᠶᠠᠭᠳᠠᠮᠠᠯ ᠪᠤᠳᠠᠰ ᠢ | ᠰᠢᠢᠳᠪᠤᠷᠢᠯᠡᠬᠦ ᠢᠨᠵᠧᠨᠧᠷᠢᠩ ᠢ ᠬᠡᠷᠡᠭᠵᠢᠬᠦᠯᠵᠥ᠂ ᠰᠢᠩᠬᠤᠸᠠ ᠵᠡᠭᠡᠯᠢ᠂ ᠡᠮᠤᠨ᠎ᠠ ᠶᠡᠭᠡ ᠵᠡᠭᠡᠯᠢ ᠶᠢᠨ ᠦᠵᠡᠮᠵᠢ᠂ | ᠦᠯᠵᠡᠢ ᠵᠠᠮ ᠢ ᠦᠬᠡᠷᠡᠴᠢᠯᠡᠬᠦ ᠵᠢᠴᠢ ᠰᠢᠯᠢ ᠶᠢᠨ ᠡᠮᠤᠨ᠎ᠠ ᠵᠠᠮ᠂ ᠡᠮᠤᠨ᠎ᠠ ᠭᠠᠳᠠᠷ ᠲᠤᠭᠤᠷᠢᠯᠳᠠ ᠶᠢᠨ ᠵᠠᠮ ᠢ | ᠦᠷᠭᠦᠯᠵᠢᠯᠡᠨ ᠵᠠᠰᠠᠬᠤ ᠢᠨᠵᠧᠨᠧᠷᠢᠩ ᠢ ᠪᠡᠶᠡᠯᠡᠬᠦᠯᠵᠤ᠂ ᠬᠤᠳᠠ ᠶᠢᠨ ᠴᠢᠨᠠᠷ ᠲᠡᠰ ᠢ ᠲᠡᠭᠡᠭᠰᠢᠯᠡᠬᠦᠯᠤᠨ᠎ᠠ᠃ ᠵᠢᠷᠠᠳᠠᠢ | ᠂ ᠪᠠᠷᠠᠭᠤᠨ ᠪᠠᠯ ᠵᠡᠷᠭᠡ ᠭᠤᠤᠯᠳᠠᠯᠭ᠎ᠠ ᠲᠠᠢ ᠬᠤᠳᠠ ᠪᠠᠯᠭᠠᠰᠤ ᠶᠢ ᠪᠦᠳᠤᠭᠡᠨ ᠪᠠᠶᠢᠭᠤᠯᠬᠤ ᠬᠦᠴᠥᠯᠡᠴᠡ ᠪᠠᠨ | ᠦᠷᠬᠦᠯᠵᠢᠯᠡᠨ ᠨᠡᠮᠡᠭᠳᠡᠬᠦᠯᠵᠥ᠂ ᠲᠦᠯᠤᠪᠵᠢᠬᠦᠯᠭᠡ ᠪᠠ ᠪᠦᠳᠤᠭᠡᠨ ᠪᠠᠶᠢᠭᠤᠯᠤᠯᠳᠠ ᠶᠢᠨ ᠲᠦᠪᠰᠢᠨ ᠢᠶᠠᠨ | ᠲᠡᠭᠡᠭᠰᠢᠯᠡᠬᠦᠯᠤᠨ᠎ᠠ᠃ ᠭᠤᠷᠪᠠᠨ ᠤᠪᠤᠭ᠎ᠠ ᠠᠭᠤᠷᠬᠠᠢ ᠶᠢᠨ ᠤᠷᠤᠨ ᠤ ᠰᠠᠷᠠᠪᠴᠢᠨ ᠭᠡᠷ ᠤᠨ ᠲᠤᠭᠤᠷᠢᠭ ᠤᠨ | ᠦᠭᠡᠷᠡᠴᠢᠯᠡᠯᠳᠠ ᠶᠢ ᠬᠡᠷᠡᠭᠵᠢᠬᠦᠯᠬᠦ ᠪᠠᠷ ᠢᠳᠡᠪᠬᠢᠳᠠᠢ ᠴᠢᠷᠮᠠᠶᠢᠨ᠎ᠠ᠃ ᠡᠳ᠋ ᠤᠨ ᠵᠠᠰᠠᠭ ᠤᠨ ᠪᠡᠯᠠ ᠤᠷᠤᠭᠤᠯᠤᠯᠳᠠ | ᠪᠠᠨ ᠨᠡᠮᠡᠭᠳᠡᠬᠦᠯᠵᠥ᠂ ᠪᠡᠯᠡ ᠬᠤᠷᠠᠮᠳᠤᠭᠤᠯᠬᠤ ᠲᠤᠭᠳᠠᠯᠴᠠᠭ᠎ᠠ ᠪᠠᠨ ᠰᠢᠨᠡᠳᠬᠡᠨ᠂ ᠪᠡᠯᠠ ᠬᠤᠷᠠᠮᠳᠤᠭᠤᠯᠬᠤ ᠠᠷᠭ᠎ᠠ | ᠵᠠᠮ ᠢᠶᠠᠨ ᠲᠠᠰᠤᠷᠠᠯᠳᠠ ᠦᠭᠡᠢ ᠦᠷᠭᠡᠳᠬᠡᠵᠥ᠂ ᠬᠤᠪᠢ ᠶᠢᠨ ᠪᠠᠯᠠ ᠤᠷᠤᠭᠤᠯᠤᠯᠳᠠ ᠶᠢ ᠲᠠᠶᠢᠴᠢᠯᠠᠵᠥ᠂ | ᠪᠦᠳᠤᠭᠡᠨ ᠪᠠᠶᠢᠭᠤᠯᠤᠯᠳᠠ ᠶᠢᠨ ᠪᠠᠯᠠ ᠮᠦᠩᠬᠦ ᠶᠢ ᠤᠯᠠᠨ ᠲᠠᠯ᠎ᠠ ᠪᠠᠷ ᠬᠤᠷᠠᠮᠳᠤᠭᠤᠯᠤᠨ᠎ᠠ᠃ | ᠬᠤᠳᠠ ᠶᠢᠨ ᠬᠠᠮᠢᠶᠠᠷᠤᠯᠳᠠ ᠶᠢᠨ ᠠᠵᠢᠯ ᠢ ᠴᠢᠬᠤᠯᠠᠴᠢᠯᠠᠨ ᠴᠢᠩᠭᠠᠳᠬᠠᠵᠥ᠂ ᠬᠤᠳᠠ ᠶᠢᠨ ᠬᠠᠮᠢᠶᠠᠷᠤᠯᠳᠠ ᠶᠢᠨ | ᠪᠠᠶᠢᠩᠭᠤ ᠶᠢᠨ ᠪᠦᠳᠤᠮᠵᠢᠳᠠᠢ ᠲᠤᠭᠳᠠᠯᠴᠠᠭ᠎ᠠ ᠶᠢ ᠤᠯᠠᠮ ᠨᠢᠭᠡ ᠠᠯᠬᠤᠮ ᠳᠡᠬᠦᠯᠳᠡᠷᠵᠢᠬᠦᠯᠵᠤ᠂ ᠬᠤᠳᠠ ᠪᠠᠯᠭᠠᠰᠤᠨ | ᠤ ᠤᠯᠠᠨ ᠨᠡᠶᠢᠳᠡ ᠶᠢᠨ ᠳᠦᠬᠦᠬᠡᠷᠤᠮᠵᠢ ᠪᠠ ᠬᠤᠳᠠ ᠶᠢᠨ ᠳᠦᠷᠬᠦ ᠪᠠᠶᠢᠳᠠᠯ᠂ ᠨᠤᠭᠤᠭᠠᠷᠠᠭᠤᠯᠤᠯᠳᠠ᠂ ᠤᠷᠴᠢᠨ | ᠳᠤᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠳᠠ ᠶᠢ ᠴᠢᠩᠭᠠᠳᠬᠠᠨ᠎ᠠ᠃ ᠬᠠᠮᠢᠶᠠᠷᠤᠯᠳᠠ ᠶᠢᠨ ᠠᠵᠢᠯ ᠤᠨ | ᠭᠤᠤᠯᠳᠠᠯᠭ᠎ᠠ ᠶᠢ ᠰᠢᠯᠵᠢᠬᠦᠯᠵᠥ᠂ ᠵᠡᠬᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠨᠡᠶᠢᠬᠡᠮ ᠳᠤᠭᠤᠷᠢᠭ ᠤᠨ | ᠬᠤᠳᠠ ᠶᠢᠨ ᠬᠠᠮᠢᠶᠠᠷᠤᠯᠳᠠ ᠵᠢᠴᠢ ᠠᠵᠢᠯ ᠤᠯᠭᠤᠯᠳᠠ᠂ ᠨᠠᠶᠢᠬᠡᠮ ᠤᠨ ᠪᠠᠳᠤᠯᠠᠭ᠎ᠠ᠂ ᠲᠤᠭᠳᠠᠭᠤᠨ ᠢ ᠬᠠᠮᠠᠭᠠᠯᠠᠬᠤ | ᠵᠡᠷᠭᠡ ᠲᠠᠯ᠎ᠠ ᠪᠠᠷ ᠬᠢ ᠦᠢᠯᠡᠳᠦᠯ ᠢ ᠨᠢ ᠦᠨᠡᠨᠬᠦ ᠪᠠᠳᠠᠷᠠᠭᠤᠯᠤᠨ᠎ᠠ᠃ | ︵ᠳᠠᠪᠤ︶ ᠰᠠᠭᠤᠷᠢ ᠳᠠᠯᠪᠢᠬᠤ ᠪᠠ ᠬᠤᠶᠢᠰᠢᠳᠠ ᠶᠢᠨ ᠠᠰᠢᠭ ᠲᠤᠰᠠ ᠶᠢ ᠵᠡᠷᠬᠡᠪᠡᠷ ᠴᠢᠬᠤᠯᠠᠴᠢᠯᠠᠵᠥ᠂ ᠠᠮᠢ ᠠᠬᠤᠢ | ᠪᠠ ᠰᠠᠭᠤᠷᠢ ᠲᠦᠬᠦᠭᠡᠷᠥᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠦᠷᠭᠦᠯᠵᠢᠯᠡᠨ ᠬᠦᠭᠵᠢᠬᠦ | ᠴᠢᠳᠠᠪᠤᠷᠢ ᠪᠠᠨ ᠨᠡᠮᠡᠭᠳᠡᠬᠦᠯᠦᠨ᠎ᠡ᠃ | ᠲᠤᠳᠤᠭᠠᠳᠥ ᠬᠡᠷᠡᠭᠴᠡᠭᠡ ᠶᠢ ᠦᠷᠭᠡᠳᠬᠡᠬᠦ ᠠᠰᠢᠭᠳᠠᠢ ᠲᠤᠬᠢᠶᠠᠯ ᠢ ᠬᠦᠢᠴᠡᠳ ᠠᠰᠢᠭᠯᠠᠨ᠂ ᠲᠦᠪ ᠤᠨ | ᠰᠢᠨ᠎ᠠ ᠪᠠᠷ ᠨᠡᠮᠡᠭᠳᠡᠬᠦᠯᠬᠦ ᠪᠡᠯᠠ ᠤᠷᠤᠭᠤᠯᠤᠯᠳᠠ᠂ ᠤᠯᠤᠰ ᠤᠨ ᠵᠢᠬᠡᠯᠡᠯᠬᠡ ᠶᠢᠨ ᠲᠦᠷᠤᠯ ᠵᠦᠢᠯ ᠪᠠ ᠲᠤᠰᠬᠠᠢ | ᠲᠦᠷᠤᠯ ᠤᠨ ᠪᠡᠯᠠ ᠮᠦᠩᠬᠦ ᠶᠢ ᠴᠢᠷᠮᠠᠶᠢᠨ ᠤᠯᠬᠤ ᠬᠦᠴᠥᠯᠡᠴᠡ ᠪᠠᠨ ᠨᠡᠮᠡᠭᠳᠡᠬᠦᠯᠥᠨ᠎ᠠ᠃ ᠮᠠᠯ ᠪᠡᠯᠴᠢᠭᠡᠷ ᠢ | ᠳᠡᠩᠴᠡᠬᠦᠷᠢᠰᠢᠬᠦᠯᠬᠦ᠂ ᠮᠠᠯᠵᠢᠬᠤ ᠶᠢ ᠵᠤᠭᠰᠤᠭᠠᠵᠥ᠂ ᠡᠬᠡᠯᠵᠢᠯᠡᠨ ᠮᠠᠯᠵᠢᠬᠤ ᠪᠠ ᠡᠪᠡᠰᠦ ᠪᠡᠯᠴᠢᠬᠡᠷ ᠢ ᠬᠠᠮᠠᠭᠠᠯᠠᠬᠤ | ᠦᠨᠳᠦᠰᠦᠨ ᠳᠦᠷᠢᠮ ᠢ ᠬᠢᠨᠠᠮᠠᠭᠠᠢ ᠬᠡᠷᠡᠭᠵᠢᠬᠦᠯᠦᠨ᠎ᠡ᠃ ᠮᠠᠯᠵᠢᠬᠤ ᠶᠢ ᠵᠤᠭᠰᠤᠭᠠᠬᠤ ᠪᠡᠯᠴᠢᠬᠡᠷ ᠢ 100 ᠳᠦᠮᠡᠨ | ᠮᠤ᠋ ᠰᠢᠨ᠎ᠡ ᠪᠠᠷ ᠨᠡᠮᠡᠭᠳᠡᠬᠦᠯᠵᠤ᠂ 10 ᠳᠦᠮᠡᠨ ᠮᠤ᠋ ᠪᠡᠯᠴᠢᠬᠡᠷ ᠢ ᠰᠤᠯᠠᠯᠠᠨ᠎ᠠ᠃ ᠪᠡᠯᠴᠢᠬᠡᠷ ᠤᠨ ᠠᠮᠢ ᠠᠬᠤᠢ ᠶᠢ | ᠡᠪᠳᠡᠬᠦ ᠡᠯ᠎ᠡ ᠵᠦᠢᠯ ᠤᠨ ᠠᠵᠢᠯᠯᠠᠭ᠎ᠠ ᠳᠤ ᠬᠠᠤᠯᠢ ᠶᠤᠰᠤᠭᠠᠷ ᠬᠦᠨᠳᠤ ᠴᠤᠬᠢᠯᠳᠠ ᠦᠭᠬᠦᠨ᠎ᠡ᠃ ᠨᠢᠰᠬᠡᠯ ᠢᠶᠠᠷ 50 | ᠳᠦᠮᠡᠨ ᠮᠤ᠋ ᠮᠤᠳᠤ ᠲᠠᠷᠢᠵᠥ᠂ ᠡᠯᠡᠰᠤ ᠶᠢ ᠬᠤᠷᠢᠭᠯᠠᠬᠤ ᠪᠠᠷ 10 ᠳᠦᠮᠡᠨ ᠮᠤ᠋ ᠤᠶᠢᠵᠢᠭᠤᠯᠵᠥ᠂ 5 ᠳᠦᠮᠡᠨ ᠮᠤ᠋ | ᠮᠤᠳᠤ ᠲᠠᠷᠢᠬᠤ ᠪᠠᠷ ᠴᠢᠷᠮᠠᠶᠢᠨ᠂ 10 ᠳᠦᠮᠡᠨ ᠮᠤ᠋ ᠭᠠᠵᠠᠷ ᠲᠤ ᠮᠤᠳᠤ ᠨᠦᠬᠦᠵᠥ ᠲᠠᠷᠢᠨ᠎ᠠ᠃ ᠬᠠᠮᠳᠤ ᠨᠡᠶᠢᠳᠡ | ᠶᠢᠨ ᠤᠢ ᠰᠢᠭᠤᠢ ᠶᠢᠨ ᠡᠷᠬᠡ ᠶᠢᠨ ᠳᠦᠷᠢᠮ ᠤᠨ ᠦᠬᠡᠷᠡᠴᠢᠯᠡᠯᠳᠡ ᠶᠢ ᠦᠷᠬᠦᠯᠵᠢᠯᠡᠨ ᠠᠬᠢᠭᠤᠯᠤᠨ᠎ᠠ᠃ ᠨᠡᠶᠢᠳᠡ | ᠶᠢᠨ ᠠᠰᠢᠭᠳᠤ ᠤᠢ ᠶᠢᠨ ᠠᠮᠢ ᠠᠬᠤᠢ ᠶᠢᠨ ᠦᠷ᠎ᠠ ᠠᠰᠢᠭ ᠤᠨ ᠨᠦᠬᠦᠪᠥᠷᠢ ᠶᠢᠨ ᠪᠠᠷᠢᠮᠵᠢᠶ᠎ᠠ ᠶᠢ ᠳᠡᠬᠡᠭᠰᠢᠯᠡᠬᠦᠯᠦᠨ | ᠂ ᠬᠡᠪᠴᠢᠶ᠎ᠠ ᠶᠢ ᠦᠷᠬᠡᠳᠬᠡᠬᠦ ᠠᠵᠢᠯ ᠢ ᠰᠠᠶᠢᠳᠤᠷ ᠬᠢᠵᠤ᠂ ᠠᠯᠠᠱᠠ ᠠᠭᠤᠯᠠᠨ ᠳᠤ ᠶᠡᠷᠤᠩᠭᠡᠶᠢᠯᠡᠭᠰᠡᠨ ᠰᠢᠨᠵᠢᠯᠡᠬᠦ | ᠤᠬᠠᠭᠠᠨᠴᠢ ᠪᠠᠶᠢᠴᠠᠭᠠᠯᠳᠠ ᠬᠢᠬᠦ ᠪᠠ ᠤᠢ ᠰᠢᠭᠤᠢ ᠶᠢᠨ ᠬᠤᠶᠠᠳᠤᠭᠠᠷ ᠲᠦᠷᠤᠯ ᠤᠨ ᠡᠬᠢ ᠪᠠᠶᠠᠯᠢᠭ ᠢ ᠪᠠᠶᠢᠴᠠᠭᠠᠬᠤ | ᠠᠵᠢᠯ ᠢ ᠯᠠᠪᠳᠠᠭᠤᠨ ᠦᠷᠨᠢᠭᠦᠯᠤᠨ᠎ᠠ᠃ ᠠᠯᠠᠱᠠ ᠠᠭᠤᠯᠠᠨ ᠤ ᠦᠢᠳᠤ ᠤᠷᠤᠨ᠂ ᠨᠢᠰᠬᠡᠯ ᠢᠶᠠᠷ ᠳᠠᠷᠢᠵᠤ | ᠪᠢᠳᠡᠬᠦᠮᠵᠢᠯᠡᠭᠰᠡᠨ ᠤᠷᠤᠨ᠂ ᠨᠡᠶᠢᠳᠡ ᠶᠢᠨ ᠠᠰᠢᠭᠳᠤ ᠤᠢ ᠰᠢᠭᠤᠢ ᠶᠢᠨ ᠭᠠᠯ ᠠᠴᠠ ᠰᠡᠷᠬᠡᠶᠢᠯᠡᠬᠦ᠂ ᠬᠤᠷᠤᠬᠠᠢ | ᠬᠢᠵᠢᠭ ᠤᠨ ᠠᠶᠤᠯ ᠠᠴᠠ ᠰᠡᠷᠬᠡᠶᠢᠯᠡᠨ ᠵᠠᠰᠠᠬᠤ ᠠᠵᠢᠯ ᠢ ᠰᠠᠶᠢᠳᠤᠷ ᠬᠢᠨ᠎ᠡ᠃ ᠪᠦᠬᠦ ᠠᠷᠠᠳ ᠤᠨ ᠠᠯᠪᠠᠨ ᠵᠢᠷᠤᠮ | ᠤᠨ ᠮᠤᠳᠤ ᠳᠠᠷᠢᠬᠤ ᠠᠵᠢᠯᠯᠠᠭ᠎ᠠ ᠶᠢ ᠶᠡᠭᠡᠪᠡᠷ ᠦᠷᠨᠢᠬᠦᠯᠦᠨ᠎ᠡ᠃ ᠳᠡᠭᠷᠢ ᠡᠯᠡᠰᠦᠨ ᠤ ᠵᠡᠬᠦᠨ ᠬᠦᠪᠡᠭᠡ ᠶᠢ | ᠲᠤᠭᠳᠠᠪᠤᠷᠢᠵᠢᠭᠤᠯᠬᠤ ᠢᠨᠵᠧᠨᠧᠷᠢᠩ ᠢ ᠦᠷᠭᠦᠯᠵᠢᠯᠡᠨ ᠰᠠᠶᠢᠳᠤᠷ ᠬᠡᠷᠡᠭᠵᠢᠬᠦᠯᠵᠥ᠂ ᠤᠯᠠᠭᠠᠨᠪᠤᠬ᠎ᠠ ᠡᠯᠡᠰᠤ ᠶᠢ | ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠬᠦ ᠪᠠᠷ ᠢᠳᠡᠪᠬᠢᠳᠠᠢ ᠴᠢᠷᠮᠠᠶᠢᠵᠥ᠂ ᠠᠮᠢ ᠠᠬᠤᠢ ᠶᠢᠨ | ᠤᠷᠴᠢᠨ ᠢ ᠳᠠᠰᠤᠷᠠᠯᠳᠠ ᠦᠬᠡᠢ ᠰᠠᠶᠢᠵᠢᠷᠠᠭᠤᠯᠬᠤ ᠪᠠᠷ ᠴᠢᠷᠮᠠᠶᠢᠨ᠎ᠠ᠃ | ᠪᠠᠶᠠᠨᠬᠤᠳᠠ ᠳᠤ ᠤᠰᠤ ᠵᠠᠯᠠᠬᠤ ᠢᠨᠵᠧᠨᠧᠷᠢᠩ ᠢ ᠰᠠᠶᠢᠳᠤᠷ ᠠᠳᠬᠤᠵᠤ᠂ ᠬᠠᠳᠤᠨ ᠭᠤᠤᠯ ᠤᠨ ᠬᠠᠶᠢᠷᠤᠪ ᠤᠨ | ᠲᠤᠬᠤᠢ ᠶᠢᠨ ᠤᠰᠤᠨ ᠠᠰᠢᠭᠯᠠᠯᠳᠠ ᠶᠢᠨ ᠵᠠᠩᠬᠢᠯᠠᠭᠠᠳᠤ ᠢᠨᠵᠧᠨᠧᠷᠢᠩ ᠤᠨ ᠠᠵᠢᠯ ᠳᠤ ᠢᠳᠡᠪᠬᠢᠳᠡᠢ | ᠬᠠᠪᠰᠤᠷᠤᠯᠴᠠᠵᠤ᠂ ᠬᠠᠳᠤᠨ ᠭᠤᠤᠯ ᠤᠨ ᠪᠠᠶᠠᠨᠰᠢᠭᠤᠢ ᠶᠢᠨ ᠠᠶᠤᠯᠳᠠᠢ ᠪᠠᠷᠢᠯᠭ᠎ᠠ ᠶᠢ ᠵᠠᠰᠠᠬᠤ ᠢᠨᠵᠧᠨᠧᠷᠢᠩ ᠢ | ᠲᠦᠷᠤᠯ ᠵᠦᠢᠯ ᠪᠤᠯᠭᠠᠨ ᠳᠤᠭᠳᠠᠭᠠᠬᠤ ᠪᠠᠷ ᠴᠢᠷᠮᠠᠶᠢᠨ᠎ᠠ᠃ ᠦᠯᠵᠡᠢ ᠠᠴᠠ ᠰᠤᠬᠤᠨᠳᠤ ᠬᠦᠷᠬᠦ 35 | ᠺᠢᠯᠤᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠢᠨᠵᠧᠨᠧᠷᠢᠩ ᠢ ᠬᠡᠷᠡᠭᠵᠢᠬᠦᠯᠵᠥ᠂ ᠪᠠᠶᠠᠨᠬᠤᠳᠠ | — ᠳᠡᠭᠷᠢ — ᠤᠨᠳᠤᠷᠤᠯᠳᠤ ᠬᠦᠷᠬᠦ 220 ᠺᠢᠯᠤᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ | ᠢᠨᠵᠧᠨᠧᠷᠢᠩ ᠤᠨ ᠡᠬᠢᠨ ᠤ ᠬᠤᠭᠤᠴᠠᠭᠠᠨ ᠤ ᠠᠵᠢᠯ ᠢ ᠦᠷᠨᠢᠬᠦᠯᠤᠨ᠎ᠠ᠃ ᠪᠠᠶᠠᠨᠬᠤᠳᠠ ᠶᠢᠨ ᠨᠢᠬᠡᠳᠦᠬᠡᠷ ᠳᠡᠰ ᠤᠨ | ᠠᠶᠠᠨ ᠲᠡᠭᠡᠭᠡᠪᠤᠷᠢ ᠶᠢᠨ ᠦᠷᠳᠡᠭᠡ᠂ ᠨᠢᠰᠬᠡᠯ ᠤᠨ ᠪᠠᠭᠤᠳᠠᠯ ᠪᠠ ᠵᠡᠬᠦᠨ ᠪᠠᠯ — ᠴᠠᠬᠠᠷ ᠤᠨ ᠳᠦᠷᠬᠡᠨ ᠵᠠᠮ ᠤᠨ | ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠥ᠂ ᠪᠠᠶᠠᠨᠬᠤᠳᠠ — ᠢᠷᠭᠠᠢ ᠬᠦᠷᠬᠦ ᠳᠦᠷᠬᠡᠨ ᠵᠠᠮ ᠢᠶᠠᠷ ᠳᠡᠷᠬᠡ | ᠨᠡᠪᠳᠡᠷᠡᠬᠦ ᠶᠢ ᠪᠠᠳᠤᠯᠠᠵᠤ᠂ ᠯᠢᠨᠾᠧ ᠠᠴᠠ ᠬᠠᠮᠢ ᠬᠦᠷᠬᠦ ᠳᠦᠷᠬᠡᠨ ᠵᠠᠮ ᠤᠨ ᠪᠠᠶᠢᠭᠤᠯᠤᠯᠳᠠ ᠶᠢᠨ ᠡᠬᠢᠨ ᠤ | ᠬᠤᠭᠤᠴᠠᠭᠠᠨ ᠤ ᠠᠵᠢᠯ ᠢ ᠰᠠᠶᠢᠳᠤᠷ ᠬᠠᠮᠵᠢᠯᠴᠠᠨ ᠬᠢᠨ᠎ᠡ᠃ ᠭᠠᠴᠠᠭ᠎ᠠ ᠳᠤᠰᠬᠤᠨ ᠳᠤ ᠵᠠᠰᠠᠮᠠᠯ ᠵᠠᠮ ᠨᠡᠪᠳᠡᠷᠡᠬᠦᠯᠬᠦ | ᠪᠦᠳᠦᠬᠡᠨ ᠪᠠᠶᠢᠭᠤᠯᠤᠯᠳᠠ ᠶᠢᠨ ᠬᠦᠴᠦᠯᠡᠴᠡ ᠪᠠᠨ ᠨᠡᠮᠡᠭᠳᠡᠬᠦᠯᠵᠤ᠂ ᠮᠠᠯᠵᠢᠬᠤ ᠳᠠᠷᠢᠶᠠᠯᠠᠬᠤ ᠤᠷᠤᠨ ᠳᠤ 320 | ᠺᠢᠯᠤᠮᠧᠲᠷ ᠵᠠᠮ ᠵᠠᠰᠠᠨ᠎ᠠ᠃ ᠵᠠᠰᠠᠮᠠᠯ ᠵᠠᠮ ᠤᠨ ᠬᠠᠮᠢᠶᠠᠷᠤᠯᠳᠠ ᠪᠠ ᠬᠠᠮᠠᠭᠠᠯᠠᠯᠳᠠ ᠶᠢᠨ ᠠᠵᠢᠯ ᠢ ᠴᠢᠩᠭᠠᠳᠬᠠᠵᠤ᠂ | ᠵᠠᠮ ᠬᠠᠷᠢᠯᠴᠠᠭᠠᠨ ᠤ ᠠᠮᠤᠷ ᠳᠦᠪᠰᠢᠨ ᠨᠡᠪᠳᠡᠷᠡᠬᠦ ᠶᠢ ᠪᠠᠳᠤᠯᠠᠨ᠎ᠠ᠃ ᠪᠠᠶᠢᠭᠠᠯᠢ ᠶᠢᠨ ᠰᠢᠳᠠᠮᠠᠬᠠᠢ ᠬᠡᠢ ᠶᠢᠨ | ᠬᠤᠭᠤᠯᠠᠢ ᠶᠢ ᠬᠤᠳᠠ ᠶᠢᠨ ᠳᠤᠭᠤᠷᠢᠭ ᠲᠤ ᠳᠡᠪᠢᠰᠬᠦ ᠠᠵᠢᠯ ᠢ ᠰᠠᠶᠢᠳᠤᠷ ᠠᠳᠬᠤᠵᠤ᠂ 10 ᠺᠢᠯᠤᠮᠧᠲᠷ ᠭᠤᠤᠯ | ᠬᠤᠭᠤᠯᠠᠢ ᠳᠡᠪᠢᠰᠬᠦ᠂ ᠰᠢᠳᠠᠮᠠᠬᠠᠢ ᠬᠡᠢ ᠨᠡᠮᠡᠬᠦ ᠦᠷᠳᠡᠭᠡ᠂ ᠬᠡᠮᠵᠢᠬᠦ ᠦᠷᠳᠡᠭᠡ ᠪᠠ ᠬᠤᠳᠠ ᠶᠢᠨ ᠡᠬᠦᠳᠡᠨ ᠳᠠᠬᠢ | ᠦᠷᠳᠡᠭᠡᠨ ᠤ ᠪᠦᠳᠦᠬᠡᠨ ᠪᠠᠶᠢᠭᠤᠯᠤᠯᠳᠠ ᠶᠢ ᠪᠡᠶᠡᠯᠡᠬᠦᠯᠦᠨ᠎ᠡ᠃ ᠦᠯᠵᠡᠢ ᠪᠤᠭᠤᠮᠳᠠ ᠶᠢ ᠨᠡᠬᠡᠬᠡᠬᠦ ᠪᠠᠷ ᠮᠡᠳᠡᠬᠦᠯᠬᠦ᠂ | ᠲᠦᠯᠤᠪᠵᠢᠬᠦᠯᠤᠨ ᠪᠦᠳᠤᠭᠡᠨ ᠪᠠᠶᠢᠭᠤᠯᠬᠤ ᠡᠬᠢᠨ ᠤ ᠬᠤᠭᠤᠴᠠᠭᠠᠨ ᠤ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ | ᠪᠠᠶᠠᠨᠬᠤᠳᠠ ᠳᠤ ᠲᠡᠮᠤᠷ ᠵᠠᠮ ᠨᠡᠪᠳᠡᠷᠡᠬᠦᠯᠬᠦ ᠡᠬᠢᠨ ᠤ ᠬᠤᠭᠤᠴᠠᠭᠠᠨ ᠤ ᠠᠵᠢᠯ ᠢ ᠢᠳᠡᠪᠬᠢᠳᠠᠢ ᠲᠦᠯᠬᠢᠨ | ᠠᠬᠢᠭᠤᠯᠤᠨ᠎ᠠ᠃ | ︵ᠵᠢᠷᠭᠤᠭ᠎ᠠ︶ ᠬᠦᠮᠤᠨ ᠢᠶᠠᠷ ᠦᠨᠳᠤᠰᠤ ᠪᠤᠯᠭᠠᠬᠤ ᠶᠢ ᠪᠠᠷᠢᠮᠳᠠᠯᠠᠵᠥ᠂ ᠠᠷᠠᠳ ᠤᠨ ᠠᠮᠢᠳᠥᠷᠠᠯ ᠢ ᠪᠠᠳᠤᠯᠠᠨ | ᠰᠠᠶᠢᠵᠢᠷᠠᠭᠤᠯᠵᠥ᠂ ᠡᠶ᠎ᠡ ᠨᠠᠶᠢᠷᠠᠮᠳᠠᠭᠤ ᠨᠡᠶᠢᠭᠡᠮ ᠢ ᠬᠦᠴᠥᠯᠠᠨ ᠪᠠᠶᠢᠭᠤᠯᠤᠨ᠎ᠠ᠃ | ᠠᠷᠠᠳ ᠢ ᠪᠠᠶᠠᠵᠢᠭᠤᠯᠵᠤ᠂ ᠠᠷᠠᠳ ᠢ ᠬᠠᠷᠠᠭᠠᠯᠵᠠᠵᠤ᠂ ᠠᠷᠠᠳ ᠢ ᠠᠮᠤᠷᠵᠢᠭᠤᠯᠬᠤ ᠪᠤᠯ ᠵᠠᠰᠠᠭ ᠶᠠᠪᠤᠭᠤᠯᠬᠤ | ᠳᠡᠷᠢᠬᠦᠨ ᠴᠢᠬᠤᠯᠠ ᠡᠬᠦᠷᠬᠡ ᠪᠤᠯᠤᠨ᠎ᠠ᠃ ᠡᠨᠡ ᠵᠢᠯ ᠠᠷᠠᠳ ᠲᠤ ᠠᠷᠪᠠᠨ ᠳᠠᠪᠤᠨ ᠪᠤᠳᠠᠳᠤ ᠶᠠᠪᠤᠳᠠᠯ ᠢ | ᠭᠤᠤᠯᠳᠠᠯᠭ᠎ᠠ ᠲᠠᠢ ᠬᠢᠨ᠎ᠡ᠃ | ᠨᠢᠭᠡ᠂ ᠬᠤᠳᠠ ᠬᠦᠳᠡᠭᠡᠨ ᠤ ᠲᠤᠤᠷ᠎ᠠ ᠪᠠᠳᠤᠯᠠᠭᠠᠨ ᠤ ᠨᠢᠭᠡ ᠴᠤᠭᠴᠠᠵᠢᠯᠳᠠ ᠶᠢ ᠠᠬᠢᠭᠤᠯᠵᠥ᠂ ᠬᠤᠳᠠ | ᠬᠦᠳᠡᠭᠡᠨ ᠤ ᠰᠠᠭᠤᠭᠠᠯᠢ ᠠᠷᠠᠳ ᠤᠨ ᠲᠤᠤᠷ᠎ᠠ ᠪᠠᠳᠤᠯᠠᠭᠠᠳᠤ ᠡᠷᠦᠬᠡ ᠪᠠ ᠲᠠᠪᠥᠨ ᠪᠠᠳᠤᠯᠠᠭᠠᠳᠤ ᠡᠷᠤᠬᠡ ᠶᠢ ᠲᠡᠳᠬᠦᠬᠦ | ᠪᠠᠷᠢᠮᠵᠢᠶ᠎ᠠ ᠪᠠᠨ ᠲᠡᠭᠡᠭᠰᠢᠯᠡᠬᠦᠯᠤᠨ᠎ᠠ︔ ᠬᠤᠳᠠ ᠪᠠᠯᠭᠠᠰᠥᠨ ᠤ ᠲᠤᠤᠷ᠎ᠠ ᠪᠠᠳᠤᠯᠠᠭᠠᠨ ᠤ ᠪᠠᠷᠢᠮᠵᠢᠶ᠎ᠠ ᠶᠢ ᠬᠦᠮᠥᠨ | ᠪᠦᠷᠢ ᠲᠡᠭᠰᠢᠳᠬᠡᠭᠡᠳ ᠰᠠᠷ᠎ᠠ ᠳᠤ 272 ᠲᠦᠬᠦᠷᠢᠭ ᠪᠤᠯᠭᠠᠵᠥ᠂ ᠮᠠᠯᠵᠢᠬᠤ ᠲᠠᠷᠢᠶᠠᠯᠠᠬᠤ ᠤᠷᠤᠨ ᠤ ᠲᠤᠤᠷ᠎ᠠ | ᠪᠠᠳᠤᠯᠠᠭᠠᠨ ᠤ ᠲᠡᠭᠰᠢᠳᠭᠡᠭᠰᠡᠨ ᠵᠦᠷᠢᠶᠠᠨ ᠤ ᠨᠦᠬᠦᠪᠦᠷᠢ ᠶᠢᠨ ᠪᠠᠷᠢᠮᠵᠢᠶ᠎ᠠ ᠶᠢ ᠬᠦᠮᠥᠨ ᠪᠦᠷᠢ ᠰᠠᠷ᠎ᠠ ᠳᠤ 125 | ᠲᠦᠬᠦᠷᠢᠭ᠂ ᠳᠠᠪᠤᠨ ᠪᠠᠳᠤᠯᠠᠭᠠᠳᠤ ᠡᠷᠦᠬᠡ ᠶᠢ ᠳᠡᠳᠬᠦᠬᠦ ᠪᠠᠷᠢᠮᠵᠢᠶ᠎ᠠ ᠶᠢ 1000 ᠳᠦᠬᠦᠷᠢᠭ ᠪᠤᠯᠭᠠᠨ᠎ᠠ᠃ | ᠬᠤᠶᠠᠷ᠂ ᠠᠵᠥ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠲᠠᠭᠠᠳᠬᠠᠯ ᠢ ᠬᠦᠮᠥᠨ | ᠪᠦᠷᠢ ᠳᠤ ᠲᠡᠭᠰᠢᠳᠬᠡᠭᠡᠳ 10% ᠪᠠᠷ ᠦᠰᠬᠡᠨᠡ︔ ᠰᠠᠷ᠎ᠠ ᠳᠤ ᠲᠡᠭᠰᠢᠳᠭᠡᠭᠡᠳ 120 ᠲᠦᠬᠦᠷᠢᠭ ᠠᠴᠠ | ᠲᠡᠭᠡᠭᠰᠢ ᠦᠰᠭᠡᠵᠥ᠂ ᠦᠨᠳᠦᠷ ᠨᠠᠰᠤᠳᠠᠢ ᠬᠦᠭᠰᠢᠴᠥᠥᠯ ᠤᠨ ᠡᠷᠡᠬᠦᠯ ᠢ ᠬᠠᠮᠠᠭᠠᠯᠠᠬᠤ ᠮᠦᠩᠬᠦᠨ ᠤ ᠬᠡᠪᠴᠢᠶ᠎ᠠ ᠶᠢ | ᠦᠷᠭᠡᠳᠬᠡᠨ ᠨᠦᠬᠦᠪᠤᠷᠢ ᠮᠦᠩᠬᠦ ᠪᠠᠨ ᠨᠡᠮᠡᠭᠳᠡᠬᠦᠯᠤᠨ᠎ᠠ᠃ | ᠭᠤᠷᠪᠠ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠤᠰᠥᠨ ᠡᠮ ᠡᠮᠨᠡᠯᠭᠡ ᠶᠢᠨ ᠲᠠᠭᠠᠳᠬᠠᠯ ᠤᠨ | ᠬᠡᠪᠴᠢᠶ᠎ᠡ ᠶᠢ ᠦᠷᠭᠡᠳᠭᠡᠬᠦ ᠠᠵᠢᠯ ᠢ ᠲᠦᠯᠬᠢᠨ ᠠᠬᠢᠭᠤᠯᠵᠥ᠂ ᠡᠬᠦᠳᠠ ᠪᠠᠨ ᠬᠠᠭᠠᠵᠥ ᠲᠠᠮᠫᠤᠷᠠᠭᠰᠠᠨ ᠠᠵᠥ | ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠤᠨ ᠡᠮᠨᠡᠯᠭᠡ ᠶᠢᠨ ᠪᠠᠳᠤᠯᠠᠭᠠᠨ ᠤ ᠠᠰᠠᠭᠤᠳᠠᠯ ᠢ ᠰᠠᠶᠢᠳᠤᠷ | ᠰᠢᠢᠳᠪᠦᠷᠢᠯᠡᠨ᠎ᠡ᠃ ᠰᠠᠭᠤᠭᠠᠯᠢ ᠠᠷᠠᠳ ᠤᠨ ᠡᠷᠡᠬᠦᠯ ᠮᠠᠨᠳᠥ ᠶᠢᠨ ᠡᠯᠧᠺᠲᠷᠤᠨ ᠲᠠᠩᠰᠠ ᠶᠢ ᠨᠢᠭᠡᠳᠥᠯᠳᠠᠢ | ᠪᠠᠶᠢᠭᠤᠯᠤᠨ᠎ᠠ᠃ | ᠲᠦᠷᠪᠡ᠂ ᠰᠢᠨ᠎ᠠ ᠬᠡᠯᠪᠡᠷᠢ ᠶᠢᠨ ᠮᠠᠯᠵᠢᠬᠤ ᠳᠠᠷᠢᠶᠠᠯᠠᠬᠤ ᠤᠷᠤᠨ ᠤ ᠨᠠᠶᠢᠬᠡᠮ ᠤᠨ ᠨᠠᠰᠤᠵᠢᠯ ᠤᠨ ᠲᠠᠭᠠᠳᠬᠠᠯ ᠤᠨ | ᠲᠤᠷᠰᠢᠯᠳᠠ ᠶᠢᠨ ᠴᠡᠭ ᠤᠨ ᠠᠵᠢᠯ ᠢ ᠪᠦᠬᠦ ᠲᠠᠯ᠎ᠠ ᠪᠠᠷ ᠦᠷᠨᠢᠭᠦᠯᠵᠥ᠂ ᠲᠠᠭᠠᠳᠬᠠᠯ ᠳᠤ ᠤᠷᠤᠯᠴᠠᠬᠤ ᠨᠤᠷᠮ᠎ᠠ ᠶᠢ | 85% ᠠᠴᠠ ᠳᠠᠪᠠᠭᠤᠯᠤᠨ᠎ᠠ᠃ | ᠲᠠᠪᠦ ᠂ ᠲᠦᠷ ᠴᠠᠭ ᠤᠨ ᠲᠤᠰᠠᠯᠠᠮᠵᠢ ᠬᠦᠷᠬᠡᠬᠦ ᠪᠠ ᠠᠮᠢᠳᠤᠷᠠᠯ ᠬᠦᠴᠢᠷᠳᠡᠯᠳᠠᠢ ᠲᠡᠭᠡᠳᠥ ᠲᠤᠮᠳᠠᠳᠥ ᠵᠡᠷᠭᠡ ᠶᠢᠨ | ᠲᠤᠰᠬᠠᠢ ᠮᠡᠷᠭᠡᠵᠢᠯ ᠤᠨ ᠰᠤᠷᠤᠭᠴᠢᠳ ᠲᠤ ᠮᠦᠩᠬᠦᠨ ᠤ ᠲᠤᠰᠠᠯᠠᠮᠵᠢ ᠦᠭᠬᠦ ᠬᠦᠴᠥᠯᠠᠴᠡ ᠪᠠᠨ ᠨᠡᠮᠡᠭᠳᠡᠬᠦᠯᠤᠨ᠎ᠠ ᠃ | ᠵᠢᠷᠭᠤᠭ᠎ᠠ᠂ ᠲᠡᠵᠢᠭᠡᠨ ᠦᠷᠡᠵᠢᠬᠦᠯᠬᠦ ᠦᠢᠯᠡᠰ ᠤᠨ ᠲᠠᠭᠠᠳᠬᠠᠯ ᠪᠠ ᠰᠦᠢᠳᠬᠡᠯ ᠳᠤ ᠨᠦᠬᠦᠪᠥᠷᠢ ᠦᠭᠬᠦ ᠬᠦᠴᠦᠯᠡᠴᠡ | ᠪᠠᠨ ᠦᠷᠭᠦᠯᠵᠢᠯᠡᠨ ᠨᠡᠮᠡᠭᠳᠡᠬᠦᠯᠦᠨ᠎ᠡ᠃ | ᠲᠤᠯᠤᠭ᠎ᠠ᠂ 9400 ᠲᠦᠮᠡᠨ ᠲᠦᠭᠦᠷᠢᠭ ᠤᠨ ᠪᠡᠯᠠ ᠬᠤᠷᠠᠮᠳᠥᠭᠤᠯᠵᠥ ᠲᠤᠮᠳᠠᠳᠤ ᠪᠠᠭ᠎ᠠ ᠰᠤᠷᠭᠠᠭᠤᠯᠢ ᠶᠢᠨ | ᠪᠠᠶᠢᠷᠢ ᠶᠢᠨ ᠠᠰᠠᠷ ᠤᠨ ᠠᠮᠥᠷ ᠲᠦᠪᠰᠢᠨ ᠤ ᠢᠨᠵᠧᠨᠧᠷᠢᠩ ᠢ ᠬᠡᠷᠡᠭᠵᠢᠬᠦᠯᠦᠨ᠎ᠡ᠃ | ᠨᠠᠢᠮᠠ᠂ ᠬᠦᠩᠬᠡᠵᠢᠯ ᠢ ᠬᠠᠯᠠᠮᠵᠢᠯᠠᠬᠤ ᠠᠵᠢᠯᠯᠠᠭ᠎ᠠ ᠦᠷᠨᠢᠬᠦᠯᠤᠨ᠂ ᠲᠦᠷᠤ ᠶᠢᠨ ᠪᠤᠳᠤᠯᠭ᠎ᠠ ᠶᠢᠨ ᠬᠠᠷᠠᠭᠠᠯᠵᠠᠯ ᠤᠨ | ᠬᠡᠪᠴᠢᠶᠠᠨ ᠳᠤ ᠪᠠᠶᠢᠭ᠎ᠠ 1100 ᠵᠢᠷᠮᠤᠰᠥᠨ ᠪᠦᠰᠡᠬᠦᠶᠢᠴᠥᠳ ᠲᠤ ᠠᠰᠢᠭ ᠬᠦᠷᠳᠡᠭᠡᠨ᠎ᠠ᠃ | ᠶᠢᠰᠥ᠂ ᠮᠠᠯᠵᠢᠬᠤ ᠲᠠᠷᠢᠶᠠᠯᠬᠠᠤ ᠤᠷᠤᠨ ᠤ ᠶᠠᠳᠠᠭᠤ ᠵᠡᠮᠳᠡᠭ ᠬᠦᠮᠤᠰ ᠤᠨ ᠠᠶᠤᠯ ᠲᠠᠢ ᠭᠡᠷ ᠪᠠᠶᠢᠰᠢᠩ ᠪᠠ ᠴᠠᠬᠢᠯᠭᠠᠨ | ᠬᠡᠷᠡᠯᠳᠤᠬᠦᠯᠭᠡ ᠶᠢᠨ ᠪᠠᠶᠢᠳᠠᠯ ᠢ ᠦᠬᠡᠷᠡᠴᠢᠯᠡᠬᠦ ᠵᠢᠴᠢ ᠵᠡᠮᠳᠡᠭᠴᠥᠳ ᠤᠨ ᠨᠠᠰᠤᠵᠢᠯ ᠤᠨ ᠲᠠᠭᠠᠳᠬᠠᠯ᠂ ᠡᠮ | ᠡᠮᠨᠡᠯᠭᠡ ᠶᠢᠨ ᠲᠠᠭᠠᠳᠬᠠᠯ ᠳᠤ ᠨᠦᠬᠦᠪᠦᠷᠢ ᠦᠭᠬᠦ ᠶᠢ ᠬᠡᠷᠡᠭᠵᠢᠬᠦᠯᠦᠨ᠎ᠡ᠃ | ᠠᠷᠪᠠ᠂ 2.1 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ 430 ᠬᠢᠮᠳᠠ ᠲᠦᠷᠢᠶᠠᠰᠤᠨ ᠭᠡᠷ ᠪᠠᠷᠢᠵᠥ᠂ | ᠬᠦᠴᠢᠷᠳᠡᠯᠳᠠᠢ ᠡᠷᠦᠬᠡ ᠳᠤ ᠬᠢᠮᠳᠠ ᠲᠦᠷᠢᠶᠠᠰᠤᠨ ᠭᠡᠷ ᠢ ᠳᠦᠷᠢᠶᠡᠰᠦᠯᠡᠭᠰᠡᠨ ᠨᠦᠬᠦᠪᠦᠷᠢ ᠲᠠᠷᠬᠠᠭᠠᠨ᠎ᠠ᠃ | ᠠᠷᠪᠠᠨ ᠨᠢᠭᠡ᠂ ᠮᠠᠯᠵᠢᠬᠤ ᠲᠠᠷᠢᠶᠠᠯᠠᠬᠤ ᠤᠷᠤᠨ ᠤ ᠠᠶᠤᠯ ᠲᠠᠢ ᠭᠡᠷ ᠪᠠᠶᠢᠰᠢᠩ ᠢ ᠵᠠᠰᠠᠬᠤ ᠢᠨᠵᠧᠨᠧᠷᠢᠩ ᠢ | ᠬᠡᠷᠡᠭᠵᠢᠬᠦᠯᠬᠦ ᠪᠠᠷ ᠴᠢᠷᠮᠠᠶᠢᠵᠤ᠂ 9.2 ᠲᠦᠮᠡᠨ ᠲᠡᠭᠰᠢ ᠲᠦᠷᠪᠡᠯᠵᠢᠨ ᠮᠧᠲᠷ ᠤᠨ ᠲᠠᠯᠠᠪᠠᠢ ᠲᠠᠢ ᠨᠡᠬᠦᠳᠡᠯᠴᠢᠨ | ᠦᠨᠳᠦᠰᠦᠳᠡᠨ ᠢ ᠰᠠᠭᠤᠷᠢᠰᠢᠭᠤᠯᠬᠤ ᠪᠦᠳᠤᠭᠡᠨ ᠪᠠᠶᠢᠭᠤᠯᠤᠯᠳᠠ ᠶᠢᠨ ᠢᠨᠵᠧᠨᠧᠷᠢᠩ ᠢ ᠪᠡᠶᠡᠯᠡᠬᠦᠯᠦᠨ᠎ᠡ᠃ | ᠠᠷᠪᠠᠨ ᠬᠤᠶᠠᠷ᠂ ᠪᠠᠶᠠᠨᠬᠤᠳᠠ ᠶᠢᠨ ᠬᠤᠳᠠ ᠶᠢᠨ ᠳᠤᠭᠤᠷᠢᠭ᠂ ᠵᠡᠭᠡᠯᠢ ᠭᠤᠳᠤᠮᠵᠢ ᠵᠢᠴᠢ ᠤᠷᠴᠢᠨ ᠲᠤᠭᠤᠷᠢᠨ ᠤ | ᠠᠷᠢᠭᠤᠨ ᠴᠡᠪᠡᠷ ᠤᠨ ᠲᠦᠬᠦᠭᠡᠷᠤᠮᠵᠢ ᠶᠢ ᠦᠭᠡᠷᠡᠴᠢᠯᠡᠬᠦ ᠢᠨᠵᠧᠨᠧᠷᠢᠩ ᠢ ᠲᠤᠤᠱᠯᠠᠭᠤᠯᠤᠨ᠎ᠠ᠃ | ᠠᠷᠪᠠᠨ ᠭᠤᠷᠪᠠ᠂ ᠤᠤᠭᠤᠬᠤ ᠤᠰᠤᠨ ᠤ ᠠᠮᠤᠷ ᠲᠦᠪᠰᠢᠨ ᠢᠨᠵᠧᠨᠧᠷᠢᠩ ᠢ ᠬᠡᠷᠡᠭᠵᠢᠬᠦᠯᠵᠥ᠂ ᠵᠢᠷᠠᠳᠠᠢ ᠤᠷᠤᠨ ᠤ | 15300 ᠬᠦᠮᠥᠨ ᠤ ᠤᠤᠭᠤᠬᠤ ᠤᠰᠤᠨ ᠤ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠠ ᠃ | ᠠᠷᠪᠠᠨ ᠲᠦᠷᠪᠡ ᠂ ᠪᠠᠶᠠᠨᠬᠤᠳᠠ ᠳᠤ ᠰᠢᠨ᠎ᠠ ᠬᠤᠳᠳᠤᠭ ᠤᠨ ᠤᠰᠤᠨ ᠤ ᠰᠤᠷᠪᠤᠯᠵᠢ ᠶᠢᠨ ᠭᠠᠵᠠᠷ ᠠᠴᠠ ᠤᠰᠤ | ᠬᠠᠩᠭᠠᠬᠤ ᠢᠨᠵᠧᠨᠧᠷᠢᠩ ᠢ ᠬᠡᠷᠡᠭᠵᠢᠬᠦᠯᠤᠨ᠎ᠠ᠃ | ᠠᠷᠪᠠᠨ ᠲᠠᠪᠦ᠂ ᠪᠠᠶᠢᠭᠠᠯᠢ ᠶᠢᠨ ᠰᠢᠳᠠᠮᠠᠬᠠᠢ ᠬᠡᠢ ᠶᠢ ᠡᠷᠦᠬᠡ ᠳᠤ ᠤᠷᠤᠭᠤᠯᠬᠤ ᠢᠨᠵᠧᠨᠧᠷᠢᠩ ᠢ ᠬᠡᠷᠡᠭᠵᠢᠬᠦᠯᠵᠥ᠂ | ᠰᠠᠭᠤᠭᠠᠯᠢ ᠠᠷᠠᠳ ᠤᠨ ᠲᠤᠭᠤᠷᠢᠭ ᠤᠨ 5000 ᠡᠷᠤᠬᠡ ᠳᠤ ᠬᠡᠷᠡᠭᠯᠡᠬᠦᠯᠬᠦ ᠪᠠᠷ ᠴᠢᠷᠮᠠᠶᠢᠨ᠎ᠠ᠃ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠠᠬᠢᠭᠤᠯᠤᠨ᠎ᠠ᠃ ᠴᠠᠯᠢᠩ ᠢ | ᠪᠠᠳᠤᠯᠠᠵᠥ ᠡᠷᠬᠢᠯᠳᠠ ᠶᠢ ᠪᠠᠳᠤᠯᠠᠭᠰᠠᠨ ᠰᠠᠭᠤᠷᠢᠨ ᠲᠡᠭᠡᠷ᠎ᠠ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠳᠤᠴᠡ ᠶᠢ | ᠤᠯᠠᠮ ᠨᠢᠭᠡ ᠠᠯᠬᠤᠮ ᠲᠤᠬᠢᠷᠠᠭᠤᠯᠤᠨ ᠰᠢᠯᠢᠳᠡᠭᠵᠢᠬᠦᠯᠵᠥ᠂ ᠬᠢᠵᠠᠭᠠᠷ ᠲᠠᠢ ᠡᠳ᠋ ᠤᠨ ᠵᠠᠰᠠᠭ ᠤᠨ ᠪᠡᠯᠠ ᠮᠦᠩᠬᠦ ᠶᠢ | ᠠᠷᠠᠳ ᠤᠨ ᠠᠮᠢᠳᠤᠷᠠᠯ ᠳᠤ ᠢᠯᠡᠭᠦᠬᠡᠨ ᠵᠠᠷᠤᠴᠠᠭᠤᠯᠵᠥ᠂ ᠠᠷᠠᠳ ᠤᠨ ᠠᠮᠢᠳᠥᠷᠠᠯ ᠲᠠᠢ ᠨᠢᠭᠳᠠ ᠬᠤᠯᠪᠤᠭᠳᠠᠬᠤ | ᠤᠯᠠᠨ ᠨᠡᠶᠢᠳᠡ ᠶᠢᠨ ᠬᠡᠷᠡᠭᠴᠡᠭᠡ ᠶᠢ ᠦᠨᠡᠨᠬᠦ ᠪᠠᠳᠤᠯᠠᠨ᠎ᠠ᠃ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ | ᠨᠡᠮᠡᠬᠦᠷᠢ ᠪᠠ ᠨᠦᠬᠦᠪᠦᠷᠢ ᠶᠢ ᠲᠦᠷᠢᠮᠵᠢᠬᠦᠯᠵᠥ᠂ ᠠᠵᠥ ᠠᠬᠤᠶᠢᠯᠠᠯ ᠤᠨ ᠠᠵᠢᠯᠳᠠᠨ ᠤ ᠴᠠᠯᠢᠩ ᠢ ᠬᠡᠪ ᠢᠶᠠᠷ | ᠨᠡᠮᠡᠭᠳᠡᠬᠦᠯᠬᠦ ᠳᠤᠭᠳᠠᠯᠴᠠᠭ᠎ᠠ ᠶᠢ ᠪᠠᠶᠢᠭᠤᠯᠵᠥ᠂ ᠨᠠᠶᠢᠳᠠ ᠳᠤ ᠠᠰᠢᠭᠳᠠᠢ ᠠᠵᠢᠯ ᠤᠨ ᠪᠠᠶᠢᠷᠢ᠂ ᠨᠠᠶᠢᠭᠡᠮ ᠲᠤᠭᠤᠷᠢᠭ | ᠭᠠᠴᠠᠭ᠎ᠠ ᠲᠤᠰᠬᠤᠨ ᠤ ᠡᠷᠬᠢᠯᠡᠭᠴᠢ᠂ ᠪᠡᠯᠡᠳᠭᠡᠯ ᠴᠢᠳᠠᠪᠤᠷᠢᠳᠠᠨ ᠪᠤᠯᠤᠭᠰᠠᠨ ᠰᠤᠷᠤᠭᠴᠢᠳ ᠤᠨ ᠠᠮᠢᠳᠤᠷᠠᠯ ᠤᠨ | ᠨᠦᠬᠦᠪᠤᠷᠢ ᠶᠢ ᠨᠡᠮᠡᠭᠳᠡᠬᠦᠯᠵᠥ᠂ ᠮᠠᠯᠴᠢᠨ ᠲᠠᠷᠢᠶᠠᠴᠢᠳ ᠤᠨ ᠡᠵᠡᠩᠨᠡᠯᠳᠠ ᠶᠢᠨ ᠴᠢᠨᠠᠷᠳᠠᠢ᠂ ᠴᠠᠯᠢᠩ ᠤᠨ ᠴᠢᠨᠠᠷᠳᠠᠢ᠂ | ᠲᠦᠷᠥ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ ᠴᠢᠷᠮᠠᠶᠢᠨ ᠲᠡᠭᠡᠭᠰᠢᠯᠡᠬᠦᠯᠵᠥ᠂ ᠬᠤᠭᠤᠴᠠᠭᠠᠳᠤ ᠴᠢᠨᠠᠷᠳᠠᠢ | ᠮᠠᠯᠵᠢᠬᠤ ᠶᠢ ᠵᠤᠭᠰᠤᠭᠠᠭᠰᠠᠨ ᠤᠷᠤᠨ ᠤ ᠬᠦᠮᠦᠨ ᠪᠦᠷᠢ ᠳᠤ ᠦᠭᠬᠦ ᠨᠦᠬᠦᠪᠦᠷᠢ ᠮᠦᠩᠬᠦ ᠶᠢ ᠵᠢᠯ ᠳᠤ 3000 | ᠳᠦᠬᠦᠷᠢᠭ ᠠᠴᠠ ᠳᠠᠪᠠᠭᠤᠯᠵᠤ᠂ ᠠᠷᠭ᠎ᠠ ᠪᠦᠬᠦᠨ ᠢ ᠰᠥᠪᠡᠭᠴᠢᠯᠡᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠤᠷᠤᠯᠭ᠎ᠠ ᠦᠷᠭᠦᠯᠵᠢᠯᠡᠨ ᠨᠡᠮᠡᠭᠳᠡᠬᠦ ᠶᠢ ᠠᠬᠢᠭᠤᠯᠤᠨ᠎ᠠ᠃ | ᠠᠵᠢᠯ ᠠᠯᠳᠠᠭᠰᠠᠳ᠂ ᠶᠡᠭᠡ ᠰᠤᠷᠭᠠᠭᠤᠯᠢ ᠠᠴᠠ ᠳᠡᠬᠦᠰᠦᠭᠰᠡᠳ᠂ ᠴᠡᠷᠢᠭ ᠠᠴᠠ ᠬᠠᠯᠠᠭᠳᠠᠭᠰᠠᠳ ᠲᠤ ᠠᠵᠢᠯ | ᠤᠯᠭᠤᠬᠤ ᠠᠵᠢᠯ ᠢ ᠨᠢᠭᠡᠳᠤᠯᠳᠠᠢ ᠬᠢᠵᠥ᠂ ︽ᠠᠵᠢᠯ ᠦᠭᠡᠢ ᠭᠡᠷ ᠪᠦᠯᠢ᠂ ᠠᠵᠢᠯ ᠦᠭᠡᠢ ᠰᠢᠯᠵᠢᠬᠦᠯᠦᠨ | ᠳᠦᠪᠬᠢᠨᠡᠬᠦᠯᠦᠭᠰᠡᠨ ᠬᠡᠷ ᠪᠦᠯᠢ︾ ᠳᠤ ᠠᠵᠢᠯ ᠤᠯᠭᠤᠬᠤ ᠶᠢ ᠭᠤᠤᠯᠳᠠᠯᠭ᠎ᠠ ᠲᠠᠢ ᠳᠡᠮᠵᠢᠨ᠎ᠡ᠃ ᠡᠯ᠎ᠠ ᠲᠦᠷᠥᠯ ᠤᠨ | ᠪᠤᠯᠪᠠᠰᠥᠷᠠᠯ ᠬᠦᠷᠳᠡᠭᠡᠬᠦ ᠡᠬᠢ ᠪᠠᠶᠠᠯᠢᠭ ᠢ ᠨᠢᠭᠡᠳᠬᠡᠨ᠂ ᠬᠦᠳᠡᠯᠮᠤᠷᠢ ᠬᠥᠴᠥᠨ ᠢ ᠰᠢᠯᠵᠢᠬᠦᠯᠤᠨ ᠪᠤᠯᠪᠠᠰᠤᠷᠠᠯ | ᠬᠦᠷᠳᠡᠭᠡᠬᠦ ᠲᠦᠷᠢᠮᠵᠢᠬᠦᠯᠦᠭᠰᠡᠨ ᠪᠠᠶᠢᠭᠤᠯᠤᠮᠵᠢ ᠶᠢ ᠪᠠᠶᠢᠭᠤᠯᠵᠥ᠂ ᠬᠤᠳᠠ ᠪᠠᠯᠭᠠᠰᠤᠨ ᠤ ᠠᠵᠢᠯ ᠠᠯᠳᠠᠭᠰᠠᠳ᠂ | ᠠᠵᠥ ᠠᠬᠤᠶᠢᠯᠠᠯ ᠤᠨ ᠠᠵᠢᠯᠳᠠᠨ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠥᠷᠢ ᠬᠦᠴᠥᠨ ᠳᠤ ᠠᠵᠢᠯ | ᠮᠡᠷᠭᠡᠵᠢᠯ ᠤᠨ ᠴᠢᠳᠠᠪᠤᠷᠢ ᠪᠠ ᠦᠢᠯᠡᠰ ᠪᠤᠰᠬᠠᠬᠤ ᠪᠤᠯᠪᠠᠰᠥᠷᠠᠯ ᠬᠦᠷᠳᠡᠬᠡᠬᠦ ᠪᠠᠨ ᠴᠢᠩᠭᠠᠳᠬᠠᠵᠤ᠂ ᠠᠳᠠᠯ | ᠪᠤᠰᠬᠠᠬᠤ ᠪᠠᠷ ᠨᠠᠶᠢᠬᠡᠮ ᠤᠨ ᠠᠵᠢᠯ ᠤᠯᠭᠤᠯᠳᠠ ᠶᠢ ᠲᠠᠶᠢᠴᠢᠯᠠᠬᠤ ᠶᠢ ᠢᠳᠡᠪᠬᠢᠳᠠᠢ ᠵᠤᠷᠢᠭᠵᠢᠭᠤᠯᠤᠨ᠎ᠠ᠃ ᠵᠢᠯ ᠳᠤ | ᠬᠤᠳᠠ ᠪᠠᠯᠭᠠᠰᠥᠨ ᠤ ᠰᠢᠨ᠎ᠠ ᠪᠠᠷ ᠠᠵᠢᠯ ᠤᠯᠬᠤ ᠪᠠ ᠲᠠᠬᠢᠨ ᠠᠵᠢᠯ ᠤᠯᠬᠤ ᠬᠦᠮᠥᠨ ᠢ 1530 ᠨᠡᠮᠡᠭᠳᠡᠬᠦᠯᠵᠥ᠂ | ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠯᠳᠠ ᠶᠢᠨ ᠨᠤᠷᠮ᠎ᠠ ᠶᠢ 4.2 % ᠳᠤᠳᠤᠷ᠎ᠠ ᠬᠢᠵᠠᠭᠠᠷᠯᠠᠨ᠎ᠠ᠃ | ᠨᠠᠰᠤᠵᠢᠯ ᠤᠨ ᠲᠠᠭᠠᠳᠬᠠᠯ ᠢᠶᠠᠷ ᠭᠤᠤᠯ ᠪᠤᠯᠭᠠᠭᠰᠠᠨ ᠡᠮ ᠡᠮᠨᠡᠯᠭᠡ᠂ ᠠᠵᠢᠯ ᠠᠯᠳᠠᠯᠳᠠ᠂ ᠠᠵᠢᠯ ᠤᠨ ᠰᠢᠷᠬᠠᠳᠤᠯ᠂ | ᠬᠦᠩᠭᠡᠵᠢᠯ ᠤᠨ ᠲᠠᠭᠠᠳᠬᠠᠯ ᠢ ᠵᠤᠬᠢᠴᠠᠩᠭᠤᠢ ᠠᠬᠢᠭᠤᠯᠬᠤ ᠨᠡᠶᠢᠬᠡᠮ ᠤᠨ ᠪᠠᠳᠤᠯᠠᠭᠠᠨ ᠤ ᠲᠤᠭᠳᠠᠯᠴᠠᠭᠠᠨ ᠤ | ᠪᠠᠶᠢᠭᠤᠯᠤᠯᠳᠠ ᠶᠢ ᠲᠦᠯᠬᠢᠨ ᠠᠬᠢᠭᠤᠯᠵᠥ᠂ ᠨᠡᠶᠢᠬᠡᠮ ᠤᠨ ᠲᠠᠭᠠᠳᠬᠠᠯ ᠢ ᠦᠷᠭᠡᠳᠭᠡᠨ ᠬᠤᠷᠢᠶᠠᠵᠥ ᠳᠤᠰᠢᠶᠠᠯᠭᠠᠬᠤ | ᠠᠵᠢᠯ ᠢᠶᠠᠨ ᠴᠢᠩᠭᠠᠳᠬᠠᠨ᠂ ᠨᠡᠶᠢᠬᠡᠮ ᠤᠨ ᠪᠠᠳᠤᠯᠠᠭᠠᠨ ᠤ ᠲᠦᠪᠰᠢᠨ ᠢ ᠲᠡᠭᠡᠭᠰᠢᠯᠡᠬᠦᠯᠤᠨ᠎ᠠ᠃ ᠰᠢᠨ᠎ᠠ ᠬᠡᠯᠪᠡᠷᠢ ᠶᠢᠨ | ᠮᠠᠯᠵᠢᠬᠤ ᠲᠠᠷᠢᠶᠠᠯᠠᠬᠤ ᠤᠷᠤᠨ ᠤ ᠨᠡᠶᠢᠬᠡᠮ ᠤᠨ ᠨᠠᠰᠤᠵᠢᠯ ᠤᠨ ᠲᠠᠭᠠᠳᠬᠠᠯ ᠤᠨ ᠲᠤᠷᠰᠢᠯᠳᠠ ᠶᠢᠨ ᠴᠡᠭ ᠤᠨ ᠡᠯ᠎ᠠ | ᠲᠦᠷᠤᠯ ᠤᠨ ᠠᠵᠢᠯ ᠢ ᠰᠠᠶᠢᠳᠤᠷ ᠬᠢᠵᠥ᠂ ᠨᠠᠶᠢᠳᠠ ᠶᠢᠨ ᠠᠰᠢᠭᠳᠤ ᠤᠢ᠂ ᠮᠠᠯᠵᠢᠬᠤ ᠶᠢ ᠵᠤᠭᠰᠤᠭᠠᠨ ᠡᠪᠡᠰᠤ | ᠪᠡᠯᠴᠢᠭᠡᠷ ᠢᠶᠠᠨ ᠰᠡᠷᠬᠦᠭᠡᠭᠰᠡᠨ ᠳᠦᠷᠦᠯ ᠵᠦᠢᠯ ᠤᠨ ᠤᠷᠤᠨ ᠳᠠᠬᠢ ᠮᠠᠯᠴᠢᠨ ᠲᠠᠷᠢᠶᠠᠴᠢᠳ ᠤᠨ ᠨᠠᠰᠤᠵᠢᠯ ᠤᠨ | ᠲᠠᠭᠠᠳᠬᠠᠯ ᠳᠤ ᠦᠷᠭᠦᠯᠵᠢᠯᠠᠨ ᠨᠦᠬᠦᠪᠦᠷᠢ ᠦᠭᠬᠦᠨ᠎ᠠ᠃ ᠪᠠᠶᠠᠨᠬᠤᠳᠠ ᠶᠢᠨ ᠵᠢᠶᠦ᠋ᠨ ᠲᠠᠢ ᠨᠠᠰᠤᠳᠠᠶᠢᠴᠤᠳ ᠤᠨ | ᠨᠡᠶᠢᠳᠡ ᠶᠢᠨ ᠤᠷᠤᠨ ᠰᠠᠭᠤᠴᠠ ᠶᠢ ᠡᠬᠢᠯᠡᠨ ᠪᠦᠳᠤᠭᠡᠨ ᠪᠠᠶᠢᠭᠤᠯᠤᠨ᠎ᠠ᠃ ᠮᠠᠯᠵᠢᠬᠤ ᠲᠠᠷᠢᠶᠠᠯᠠᠬᠤ ᠤᠷᠤᠨ ᠤ | ᠰᠢᠨ᠎ᠠ ᠬᠡᠯᠪᠡᠷᠢ ᠶᠢᠨ ᠬᠤᠷᠰᠢᠭᠰᠠᠨ ᠡᠮ ᠡᠮᠨᠡᠯᠭᠡ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ ᠲᠠᠷᠢᠶᠠᠴᠢᠨ | ᠠᠵᠢᠯᠴᠢᠨ ᠳᠤ ᠴᠠᠯᠢᠩ ᠦᠭᠬᠦ ᠶᠢ ᠪᠠᠳᠤᠯᠠᠬᠤ ᠪᠠᠶᠢᠩᠭᠤ ᠶᠢᠨ ᠪᠦᠳᠤᠮᠵᠢᠳᠠᠢ ᠳᠤᠭᠳᠠᠯᠴᠠᠭ᠎ᠠ ᠶᠢ ᠲᠡᠬᠦᠯᠳᠡᠷᠵᠢᠬᠦᠯᠤᠨ | ᠂ ᠲᠠᠷᠢᠶᠠᠴᠢᠨ ᠠᠵᠢᠯᠴᠢᠨ ᠤ ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠬᠤ ᠬᠥᠴᠥᠯᠠᠴᠠ ᠪᠠᠨ ᠨᠡᠮᠡᠭᠳᠡᠬᠦᠯᠤᠨ᠎ᠠ᠃ | ᠨᠡᠶᠢᠬᠡᠮ ᠤᠨ ᠠᠪᠤᠷᠠᠨ ᠲᠡᠳᠬᠦᠬᠦ ᠪᠠᠶᠢᠭᠤᠯᠤᠮᠵᠢ ᠶᠢ ᠠᠯᠬᠤᠮ ᠠᠯᠬᠤᠮ ᠢᠶᠠᠷ ᠪᠠᠶᠢᠭᠤᠯᠤᠨ ᠲᠡᠬᠦᠯᠳᠡᠷᠵᠢᠬᠦᠯᠵᠥ᠂ | ᠳᠤᠤᠷ᠎ᠠ ᠤᠷᠤᠯᠭ᠎ᠠ ᠲᠠᠢ ᠤᠯᠠᠨ ᠲᠦᠮᠡᠨ ᠢ ᠲᠤᠰᠠᠯᠠᠵᠥ ᠠᠪᠥᠷᠠᠨ ᠲᠡᠳᠬᠦᠬᠦ ᠡᠷᠴᠢᠮ ᠢᠶᠠᠨ ᠨᠡᠮᠡᠭᠳᠡᠬᠦᠯᠵᠥ᠂ ᠬᠤᠳᠠ | ᠬᠦᠳᠡᠭᠡ ᠶᠢᠨ ᠬᠦᠴᠢᠷᠳᠡᠯᠳᠠᠢ ᠤᠯᠠᠨ ᠲᠦᠮᠡᠨ ᠤ ᠠᠮᠢᠳᠤᠷᠠᠯ ᠤᠨ ᠠᠰᠠᠭᠤᠳᠠᠯ ᠢ ᠦᠨᠡᠨᠬᠦ ᠰᠢᠢᠳᠪᠥᠷᠢᠯᠡᠨᠠ᠃ | ᠨᠡᠶᠢᠬᠡᠮ ᠤᠨ ᠦᠢᠯᠡᠰ ᠢ ᠪᠦᠬᠦ ᠳᠠᠯ᠎ᠠ ᠪᠠᠷ ᠬᠦᠭᠵᠢᠬᠦᠯᠦᠨ᠎ᠡ᠃ ᠰᠢᠨᠵᠢᠯᠡᠭᠡ ᠮᠠᠷᠭᠡᠵᠢᠯ ᠤᠨ ᠤᠷᠤᠭᠤᠯᠤᠯᠳᠠ ᠪᠠᠨ | ᠤᠯᠠᠮ ᠨᠢᠭᠡ ᠠᠯᠬᠤᠮ ᠶᠡᠬᠡᠰᠭᠡᠵᠥ᠂ ᠰᠢᠨᠵᠢᠯᠡᠭᠡ ᠮᠠᠷᠭᠡᠵᠢᠯ ᠤᠨ ᠦᠢᠯᠡᠴᠢᠯᠡᠭᠡ ᠪᠠᠨ ᠴᠢᠩᠭᠠᠳᠬᠠᠨ᠂ ᠬᠡᠷᠡᠭᠯᠡᠭᠡᠨ ᠤ | ᠮᠡᠷᠭᠡᠵᠢᠯ ᠢ ᠢᠳᠡᠪᠬᠢᠳᠠᠢ ᠲᠦᠭᠡᠮᠡᠯᠵᠢᠬᠦᠯᠤᠨᠠ᠃ ᠰᠠᠭᠤᠷᠢ ᠰᠤᠷᠭᠠᠨ ᠬᠦᠮᠥᠵᠢᠯ ᠢ ᠬᠦᠴᠦᠳᠡᠢ ᠬᠦᠭᠵᠢᠬᠦᠯᠵᠥ᠂ | ᠰᠤᠷᠭᠠᠨ ᠬᠦᠮᠥᠵᠢᠯ ᠤᠨ ᠲᠡᠩᠴᠡᠬᠦᠷᠢᠳᠠᠢ ᠬᠦᠭᠵᠢᠯᠳᠠ ᠶᠢ ᠠᠬᠢᠭᠤᠯᠤᠨ᠂ ᠰᠤᠷᠭᠠᠨ ᠬᠦᠮᠥᠵᠢᠯ ᠤᠨ ᠪᠡᠯᠠ | ᠤᠷᠤᠭᠤᠯᠤᠯᠳᠠ ᠶᠢ ᠪᠠᠳᠤᠯᠠᠬᠤ ᠳᠤᠭᠳᠠᠯᠴᠠᠭ᠎ᠠ ᠶᠢ ᠲᠡᠬᠦᠯᠳᠡᠷᠵᠢᠬᠦᠯᠵᠥ᠂ ᠰᠤᠷᠭᠠᠭᠤᠯᠢ ᠡᠷᠬᠢᠯᠡᠬᠦ ᠨᠦᠬᠦᠴᠡᠯ ᠢᠶᠠᠨ | ᠰᠠᠶᠢᠵᠢᠷᠠᠭᠤᠯᠤᠨ᠂ ᠰᠤᠷᠭᠠᠨ ᠬᠦᠮᠥᠵᠢᠯ ᠤᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠥᠨᠠ᠃ ᠦᠨᠳᠤᠰᠤᠳᠠᠨ ᠤ | ᠰᠤᠷᠭᠠᠨ ᠬᠦᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ ᠬᠦᠭᠵᠢᠬᠦᠯᠵᠥ᠂ ᠵᠢᠷᠡᠳᠠᠢ ᠳᠠᠬᠢ ᠮᠤᠩᠭᠤᠯ | ᠰᠤᠷᠭᠠᠭᠤᠯᠢ ᠪᠠ ᠮᠤᠩᠭᠤᠯ ᠨᠢᠭᠡᠳᠤᠭᠡᠷ ᠪᠠᠭ᠎ᠠ ᠰᠤᠷᠭᠠᠭᠤᠯᠢ ᠶᠢ ᠨᠡᠶᠢᠯᠡᠬᠦᠯᠦᠨ ᠳᠤᠬᠢᠷᠠᠭᠤᠯᠵᠤ᠂ ᠶᠢᠰᠤᠨ ᠵᠢᠯ ᠤᠨ | ᠲᠦᠷᠢᠮᠳᠤ ᠮᠤᠩᠭᠤᠯ ᠰᠤᠷᠭᠠᠭᠤᠯᠢ ᠶᠢ ᠰᠢᠨ᠎ᠠ ᠪᠠᠷ ᠪᠠᠶᠢᠭᠤᠯᠵᠥ᠂ ︽ᠬᠤᠤᠰ ᠬᠡᠯᠡᠨ︾ ᠤ ᠪᠠᠭᠰᠢ ᠶᠢᠨ | ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠮᠤᠩᠭᠤᠯ ᠢᠶᠠᠷ ᠬᠢᠴᠢᠶᠡᠯᠯᠡᠵᠤ ᠪᠠᠶᠢᠭ᠎ᠠ ᠴᠡᠴᠡᠷᠯᠢᠭ ᠤᠨ | ᠬᠡᠤᠭᠡᠳ ᠲᠤ ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠬᠦᠷᠳᠡᠭᠡᠬᠦ ᠶᠢ ᠪᠡᠶᠡᠯᠡᠬᠦᠯᠤᠨ᠎ᠠ᠃ ᠰᠤᠮᠥ | ᠪᠠᠯᠭᠠᠰᠥ᠂ ᠭᠠᠴᠠᠭᠠᠨ ᠤ ᠡᠷᠡᠬᠦᠯ ᠬᠠᠮᠠᠭᠠᠯᠠᠯ ᠡᠮ ᠡᠮᠨᠡᠯᠭᠡ ᠶᠢᠨ ᠲᠦᠬᠦᠭᠡᠷᠤᠮᠵᠢ ᠶᠢ ᠲᠦᠬᠦᠷᠵᠢᠬᠦᠯᠥᠨ ᠰᠢᠨᠠᠳᠬᠡᠬᠦ | ᠪᠠ ᠠᠵᠢᠯᠳᠠᠨ ᠢ ᠪᠤᠯᠪᠠᠰᠥᠷᠠᠭᠤᠯᠬᠤ ᠪᠠᠨ ᠴᠢᠩᠭᠠᠳᠬᠠᠵᠥ᠂ ᠦᠨᠳᠤᠰᠥᠨ ᠱᠠᠳᠤᠨ ᠤ ᠡᠮ ᠡᠮᠨᠡᠯᠭᠡ ᠡᠷᠡᠬᠦᠯ | ᠬᠠᠮᠠᠭᠠᠯᠠᠯ ᠤᠨ ᠦᠢᠯᠡᠴᠢᠯᠡᠭᠡᠨ ᠤ ᠴᠢᠳᠠᠪᠦᠷᠢ ᠶᠢ ᠲᠡᠭᠡᠭᠰᠢᠯᠡᠭᠦᠯᠥᠨᠠ᠃ ᠭᠤᠤᠯᠳᠠᠯᠭ᠎ᠠ ᠲᠠᠢ ᠬᠠᠯᠳᠠᠪᠥᠷᠢᠳᠥ | ᠡᠪᠡᠳᠴᠢᠨ ᠢ ᠰᠡᠷᠬᠡᠶᠢᠯᠡᠨ ᠬᠤᠷᠢᠭᠯᠠᠬᠤ ᠠᠵᠢᠯ ᠢ ᠰᠠᠶᠢᠳᠤᠷ ᠬᠢᠨ᠎ᠠ᠃ ᠬᠦᠮᠥᠨ ᠠᠮᠠ ᠪᠠ ᠲᠦᠯᠤᠪᠯᠡᠭᠡᠳᠠᠢ ᠬᠡᠤᠬᠡᠳ | ᠠᠪᠬᠤ ᠠᠵᠢᠯ ᠢ ᠴᠢᠩᠭᠠᠳᠬᠠᠵᠥ᠂ ᠨᠢᠯᠬᠠᠰ ᠤᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠥᠨ᠎ᠠ᠃ ᠪᠤᠳᠠᠰ ᠤᠨ ᠪᠤᠰᠤ | ᠰᠤᠶᠤᠯ ᠤᠨ ᠦᠪ ᠢ ᠨᠡᠶᠢᠳᠡᠮ ᠪᠠᠶᠢᠴᠠᠭᠠᠬᠤ ᠪᠠ ᠮᠡᠳᠡᠬᠦᠯᠬᠦ ᠠᠵᠢᠯ ᠢ ᠰᠠᠶᠢᠳᠤᠷ ᠬᠢᠵᠤ᠂ ᠳᠡᠦᠬᠡ ᠶᠢᠨ | ᠳᠤᠷᠠᠰᠬᠠᠯᠳᠤ ᠵᠦᠢᠯᠡᠰ ᠢ ᠬᠠᠮᠠᠭᠠᠯᠠᠬᠤ ᠪᠠ ᠠᠰᠢᠭᠯᠠᠬᠤ ᠪᠠᠨ ᠴᠢᠩᠭᠠᠳᠬᠠᠨ᠂ ᠬᠤᠯᠠᠳᠠᠬᠢᠨ ᠢ ᠳᠤᠭᠳᠠᠭᠠᠭᠴᠢ | ᠬᠤᠷᠢᠶ᠎ᠠ ᠶᠢᠨ ᠬᠠᠭᠤᠴᠢᠨ ᠬᠤᠳᠠ ᠶᠢᠨ ᠨᠢᠬᠡᠳᠦᠬᠡᠷ ᠬᠤᠭᠤᠴᠠᠭᠠᠨ ᠤ ᠬᠠᠮᠠᠭᠠᠯᠠᠨ ᠵᠠᠰᠠᠬᠤ ᠢᠨᠵᠧᠨᠧᠷᠢᠩ ᠢ | ᠤᠯᠤᠰ ᠠᠴᠠ ᠵᠦᠪᠰᠢᠶᠡᠷᠡᠬᠦᠯᠤᠨ ᠬᠡᠷᠡᠭᠵᠢᠬᠦᠯᠬᠦ ᠪᠠᠷ ᠴᠢᠷᠮᠠᠶᠢᠨ᠎ᠠ᠃ ᠠᠶᠢᠮᠠᠭ ᠤᠨ ᠮᠦᠽᠸᠢ᠂ ᠨᠤᠮ ᠤᠨ ᠰᠠᠩ | ᠵᠡᠷᠬᠡ ᠳᠠᠪᠤᠨ ᠶᠡᠭᠡ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠪᠦᠳᠦᠬᠡᠨ ᠪᠠᠶᠢᠭᠤᠯᠬᠤ ᠢᠨᠵᠧᠨᠧᠷᠢᠩ | ᠢ ᠰᠠᠶᠢᠳᠤᠷ ᠬᠠᠮᠵᠢᠯᠴᠠᠨ ᠬᠢᠨ᠎ᠡ᠃ ᠲᠤᠮᠥ ᠬᠡᠯᠪᠡᠷᠢ ᠶᠢᠨ ᠦᠷᠭᠦᠯᠵᠢᠯᠡᠭᠰᠡᠨ ᠲᠧᠯᠸᠢᠰ ᠵᠦᠴᠥᠭᠡ ︽ᠪᠠᠭᠠᠳᠤᠷ︾ ᠢ | ᠡᠬᠢᠯᠡᠨ ᠰᠡᠬᠦᠳᠡᠷᠯᠡᠬᠦ ᠪᠠᠷ ᠴᠢᠷᠮᠠᠶᠢᠨ᠎ᠠ᠃ ᠨᠡᠶᠢᠬᠡᠮ ᠲᠤᠭᠤᠷᠢᠭ ᠤᠨ ᠰᠤᠶᠤᠯ ᠪᠠ ᠮᠠᠯᠵᠢᠬᠤ ᠲᠠᠷᠢᠶᠠᠯᠠᠬᠤ ᠤᠷᠤᠨ | ᠤ ᠰᠤᠶᠤᠯ ᠢ ᠬᠦᠭᠵᠢᠬᠦᠯᠵᠥ᠂ ᠪᠦᠬᠦ ᠠᠷᠠᠳ ᠤᠨ ᠪᠡᠶ᠎ᠡ ᠮᠠᠬᠠᠪᠤᠳ ᠢᠶᠠᠨ ᠴᠢᠬᠢᠷᠠᠭᠵᠢᠭᠤᠯᠬᠤ ᠬᠦᠳᠡᠯᠭᠡᠭᠡᠨ ᠢ | ᠦᠷᠭᠡᠨ ᠲᠡᠯᠭᠡᠷᠡᠩᠬᠦᠢ ᠦᠷᠨᠢᠬᠦᠯᠤᠨ᠎ᠠ᠃ ᠰᠤᠮᠥ ᠪᠠᠯᠭᠠᠰᠤᠨ ᠤ ᠰᠤᠶᠤᠯ ᠤᠨ ᠦᠷᠳᠡᠭᠡᠨ ᠤ ᠪᠦᠳᠤᠬᠡᠨ | ᠪᠠᠶᠢᠭᠤᠯᠤᠯᠳᠠ ᠶᠢ ᠲᠡᠭᠦᠯᠳᠡᠷᠵᠢᠬᠦᠯᠵᠥ᠂ ᠷᠠᠳᠢᠤ᠋ ᠲᠧᠯᠸᠢᠰ ᠢ ᠭᠠᠴᠠᠭ᠎ᠠ ᠲᠤᠰᠬᠤᠨ ᠪᠦᠷᠢ ᠳᠤ ᠨᠡᠪᠳᠡᠷᠡᠭᠦᠯᠬᠦ᠂ ᠲᠠᠯ᠎ᠠ | ᠨᠤᠳᠤᠭ ᠤᠨ ᠨᠤᠮ ᠤᠨ ᠦᠷᠤᠭᠡ ᠪᠠ ᠰᠤᠶᠤᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠡᠳ᠋ᠯᠡᠬᠦ | ᠢᠨᠵᠧᠨᠧᠷᠢᠩ ᠢ ᠰᠠᠶᠢᠳᠤᠷ ᠲᠤᠤᠱᠯᠠᠭᠤᠯᠤᠨ᠎ᠠ᠃ ᠠᠷᠠᠳ ᠢᠷᠭᠡᠳ ᠤᠨ ᠦᠵᠡᠯ ᠰᠠᠨᠠᠭ᠎ᠠ ᠶᠤᠰᠤ ᠰᠤᠷᠳᠠᠬᠤᠨ ᠪᠠ | ᠢᠳᠡᠬᠡᠮᠵᠢ ᠶᠢᠨ ᠲᠤᠭᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠵᠥ᠂ ︽ᠠᠯᠠᠱᠠ ᠠᠶᠢᠮᠠᠭ ᠪᠠᠶᠢᠭᠤᠯᠤᠭᠳᠠᠭᠰᠠᠨ | 30 ᠵᠢᠯ ᠤᠨ ᠦᠪᠡᠳᠡᠭᠰᠢ ᠪᠠᠶᠠᠷ ᠢ ᠤᠭᠳᠤᠨ᠂ ᠪᠤᠯᠪᠠᠰᠤᠨ ᠬᠤᠳᠠ ᠶᠢ ᠴᠤᠭᠴᠠᠯᠠᠨ ᠪᠠᠶᠢᠭᠤᠯᠵᠤ᠂ ᠬᠤᠳᠠ ᠶᠢᠨ | ᠪᠤᠯᠪᠠᠰᠤᠨ ᠠᠷᠠᠳ ᠪᠤᠯᠬᠤ︾ ᠠᠵᠢᠯᠯᠠᠭ᠎ᠠ ᠶᠢ ᠦᠷᠨᠢᠬᠦᠯᠵᠥ᠂ ᠤᠯᠠᠨ ᠲᠦᠮᠡᠨᠴᠢ ᠴᠢᠨᠠᠷᠳᠠᠢ ᠤᠶᠤᠨ ᠤ | ᠪᠤᠯᠪᠠᠰᠤᠨ ᠢ ᠪᠠᠶᠢᠭᠤᠯᠬᠤ ᠠᠵᠢᠯᠯᠠᠭ᠎ᠠ ᠶᠢ ᠦᠷᠭᠡᠨ ᠢᠶᠠᠷ ᠦᠷᠨᠢᠬᠦᠯᠵᠥ ᠂ ᠬᠤᠳᠠ ᠬᠦᠳᠡᠭᠡᠨ ᠤ ᠪᠤᠯᠪᠠᠰᠤᠨ ᠤ | ᠬᠢᠷᠢ ᠬᠡᠮᠵᠢᠶ᠎ᠡ ᠪᠠᠨ ᠲᠠᠰᠤᠷᠠᠯᠳᠠ ᠦᠭᠡᠢ ᠲᠡᠭᠡᠭᠰᠢᠯᠡᠬᠦᠯᠤᠨ᠎ᠠ᠃ | ᠨᠡᠶᠢᠬᠡᠮ ᠤᠨ ᠡᠶ᠎ᠡ ᠨᠠᠶᠢᠷᠠᠮᠳᠠᠭᠤ ᠳᠤᠭᠳᠠᠭᠤᠨ ᠪᠠᠶᠢᠳᠠᠯ ᠢ ᠬᠠᠮᠠᠭᠠᠯᠠᠨ᠎ᠠ᠃ ᠳᠤᠭᠳᠠᠭᠤᠨ ᠢ ᠬᠠᠮᠠᠭᠠᠯᠠᠬᠤ | ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠨᠠᠶᠢᠬᠡᠮ ᠤᠨ ᠠᠮᠥᠷ ᠢ ᠬᠠᠮᠠᠭᠠᠯᠠᠬᠤ ᠶᠡᠷᠥᠩᠬᠡᠶᠢᠯᠡᠭᠰᠡᠨ | ᠵᠠᠰᠠᠯᠳᠠ ᠶᠢ ᠬᠦᠨᠵᠡᠬᠡᠢ ᠲᠦᠯᠬᠢᠨ ᠠᠬᠢᠭᠤᠯᠵᠥ᠂ ᠨᠠᠶᠢᠬᠡᠮ ᠤᠨ ᠠᠮᠤᠷ ᠢ ᠬᠠᠮᠠᠭᠠᠯᠠᠵᠥ ᠰᠡᠷᠭᠡᠶᠢᠯᠡᠨ ᠡᠵᠡᠮᠰᠢᠬᠦ | ᠲᠤᠭᠳᠠᠴᠠ ᠪᠠ ᠨᠠᠶᠢᠭᠡᠮ ᠤᠨ ᠬᠠᠮᠢᠶᠠᠷᠤᠯᠳᠠ ᠶᠢᠨ ᠲᠤᠭᠳᠠᠯᠴᠠᠭ᠎ᠠ ᠶᠢ ᠲᠠᠰᠤᠷᠠᠯᠳᠠ ᠦᠭᠡᠢ ᠪᠠᠶᠢᠭᠤᠯᠤᠨ | ᠲᠡᠬᠦᠯᠳᠠᠷᠵᠢᠬᠦᠯᠥᠨᠠ᠃ ᠵᠦᠷᠢᠴᠡᠯ ᠮᠠᠷᠭᠤᠯᠳᠤᠭᠠᠨ ᠢ ᠪᠠᠶᠢᠴᠠᠭᠠᠵᠥ ᠡᠶᠡᠳᠡᠬᠦᠯᠤᠨ ᠰᠢᠢᠳᠪᠤᠷᠢᠯᠡᠬᠦ ᠠᠵᠢᠯ ᠢ ᠬᠢᠨᠠᠮᠠᠭᠠᠢ | ᠦᠷᠨᠢᠬᠦᠯᠵᠥ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠪᠠᠶᠢᠩᠭᠤ ᠶᠢᠨ ᠪᠦᠳᠤᠮᠵᠢᠳᠠᠢ ᠲᠤᠭᠳᠠᠴᠠ ᠶᠢ | ᠪᠠᠶᠢᠭᠤᠯᠤᠨ ᠲᠡᠬᠦᠯᠳᠡᠷᠵᠢᠬᠦᠯᠵᠥ᠂ ᠤᠯᠠᠨ ᠲᠦᠮᠡᠨ ᠤ ᠬᠡᠷᠡᠭ ᠤᠴᠢᠷ ᠢᠶᠠᠨ ᠲᠤᠭᠠᠴᠢᠬᠤ ᠠᠷᠭ᠎ᠠ ᠵᠠᠮ ᠢ | ᠰᠢᠯᠤᠭᠤᠳᠬᠠᠵᠥ᠂ ᠠᠷᠠᠳ ᠤᠯᠠᠨ ᠤ ᠨᠠᠶᠢᠳᠡᠮ ᠠᠩᠬᠠᠷᠴᠥ ᠪᠠᠶᠢᠭ᠎ᠠ ᠬᠠᠯᠠᠮᠰᠢᠯ ᠠᠰᠠᠭᠤᠳᠠᠯ ᠪᠠ ᠬᠦᠴᠢᠷᠳᠡᠢ | ᠠᠰᠠᠭᠤᠳᠠᠯ ᠢ ᠦᠨᠡᠨᠬᠦ ᠰᠢᠢᠳᠪᠦᠷᠢᠯᠡᠨ᠎ᠡ᠃ ︽ᠲᠠᠪᠤᠳᠤᠭᠠᠷ ᠲᠠᠪᠤᠨ ᠵᠢᠯ︾ ᠤᠨ ᠬᠠᠤᠯᠢ ᠲᠦᠭᠡᠮᠡᠯᠵᠢᠬᠦᠯᠬᠦ ᠠᠵᠢᠯ ᠢ | ᠴᠢᠩᠭᠠᠳᠬᠠᠨ᠂ ᠪᠦᠬᠦ ᠠᠷᠠᠳ ᠤᠨ ᠬᠠᠤᠯᠢ ᠲᠦᠷᠢᠮ ᠤᠨ ᠦᠵᠡᠯᠳᠠ ᠶᠢ ᠴᠢᠩᠭᠠᠳᠬᠠᠨ᠎ᠠ᠃ ᠦᠢᠯᠡᠳᠬᠦᠨ ᠤ ᠶᠠᠰᠤ | ᠴᠢᠨᠠᠷ ᠪᠠ ᠢᠳᠡᠭᠡᠨ ᠤ ᠠᠮᠤᠷ ᠲᠦᠪᠰᠢᠨ ᠳᠤ ᠲᠤᠰᠬᠠᠢ ᠲᠦᠷᠤᠯ ᠤᠨ ᠴᠡᠭᠴᠡᠯᠡᠯᠳᠠ ᠬᠢᠬᠦ ᠪᠠᠨ ᠴᠢᠩᠭᠠᠳᠬᠠᠵᠥ᠂ | ᠤᠯᠠᠨ ᠲᠦᠮᠡᠨ ᠤ ᠬᠡᠷᠡᠭᠯᠡᠭᠡᠨ ᠤ ᠠᠮᠤᠷ ᠲᠦᠪᠰᠢᠨ ᠢ ᠪᠠᠳᠤᠯᠠᠨ᠎ᠠ᠃ ᠠᠶᠤᠯ ᠦᠬᠡᠢ ᠦᠢᠯᠡᠳᠪᠤᠷᠢᠯᠡᠬᠦ | ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠦᠷᠢᠵᠢᠭᠤᠯᠵᠥ᠂ ᠠᠶᠤᠯ ᠦᠬᠡᠢ ᠦᠢᠯᠡᠳᠪᠦᠷᠢᠯᠡᠬᠦ ᠭᠤᠤᠯ | ᠴᠤᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ ᠵᠠᠮ ᠬᠠᠷᠢᠯᠴᠠᠭ᠎ᠠ᠂ ᠠᠵᠥ ᠦᠢᠯᠡᠳᠪᠦᠷᠢ ᠪᠠ ᠠᠭᠤᠷᠬᠠᠢ ᠶᠢᠨ | ᠠᠵᠥ ᠠᠬᠤᠶᠢᠯᠠᠯ᠂ ᠬᠤᠸᠠᠷ ᠫᠤᠤᠵᠢᠩ᠂ ᠠᠶᠤᠯᠳᠠᠢ ᠬᠢᠮᠢ ᠶᠢᠨ ᠪᠤᠳᠠᠰ ᠵᠢᠴᠢ ᠤᠯᠠᠨ ᠨᠠᠶᠢᠳᠠ ᠶᠢᠨ ᠲᠠᠯᠠᠪᠤᠷ ᠪᠠ | ᠬᠦᠮᠥᠨ ᠠᠷᠪᠢᠨ ᠭᠠᠵᠠᠷ ᠲᠠᠬᠢ ᠠᠮᠥᠷ ᠲᠦᠪᠰᠢᠨ ᠤ ᠲᠤᠰᠬᠠᠢ ᠲᠦᠷᠤᠯ ᠤᠨ ᠴᠡᠭᠴᠡᠯᠡᠨ ᠵᠠᠰᠠᠬᠤ ᠠᠵᠢᠯ ᠢ ᠦᠨᠡᠨᠬᠦ | ᠰᠠᠶᠢᠳᠤᠷ ᠠᠳᠬᠤᠵᠥ᠂ ᠤᠨᠴᠠ ᠶᠡᠭᠡ ᠠᠮᠥᠷ ᠲᠦᠪᠰᠢᠨ ᠤ ᠬᠡᠷᠡᠭ ᠤᠴᠢᠷ ᠡᠬᠦᠰᠬᠦ ᠶᠢ ᠪᠦᠳᠤᠮᠵᠢᠳᠠᠢ ᠬᠤᠷᠢᠭᠯᠠᠨ᠎ᠠ᠃ | ᠪᠠᠴᠢᠮ ᠠᠷᠭᠠᠴᠠᠭᠠᠬᠤ ᠬᠠᠮᠢᠶᠠᠷᠤᠯᠳᠠ ᠪᠠᠨ ᠴᠢᠩᠭᠠᠳᠬᠠᠵᠥ᠂ ᠬᠡᠨᠡᠳᠳᠡ ᠶᠢᠨ ᠡᠬᠦᠰᠬᠦ ᠬᠡᠷᠡᠭ ᠪᠠ ᠪᠠᠶᠢᠭᠠᠯᠢ ᠶᠢᠨ | ᠭᠠᠮᠰᠢᠭ ᠢ ᠰᠡᠷᠭᠡᠶᠢᠯᠡᠵᠥ ᠰᠢᠢᠳᠪᠥᠷᠢᠯᠡᠬᠦ ᠴᠢᠳᠠᠪᠤᠷᠢ ᠪᠠᠨ ᠲᠡᠭᠡᠭᠰᠢᠯᠡᠬᠦᠯᠤᠨ᠎ᠠ᠃ | ᠵᠠᠰᠠᠭ ᠤᠨ ᠤᠷᠳᠤᠨ ᠤ ᠳᠤᠰ ᠪᠡᠶ᠎ᠡ ᠶᠢᠨ ᠪᠠᠶᠢᠭᠤᠯᠤᠯᠳᠠ ᠪᠠᠨ ᠴᠢᠩᠭᠠᠳᠬᠠᠨ᠂ ᠰᠢᠨᠵᠢᠯᠡᠬᠦ | ᠤᠬᠠᠭᠠᠨᠴᠢ ᠬᠦᠭᠵᠢᠯᠳᠠ ᠶᠢ ᠠᠬᠢᠭᠤᠯᠬᠤ ᠴᠢᠳᠠᠪᠦᠷᠢ ᠪᠠ ᠬᠢᠷᠢ ᠲᠦᠪᠰᠢᠨ ᠢᠶᠠᠨ ᠲᠡᠭᠡᠭᠰᠢᠯᠡᠭᠦᠯᠤᠨ᠎ᠠ᠃ ᠵᠠᠰᠠᠭ ᠤᠨ | ᠤᠷᠳᠤᠨ ᠤ ᠪᠠᠶᠢᠭᠤᠯᠤᠮᠵᠢ ᠶᠢᠨ ᠦᠭᠡᠷᠡᠴᠢᠯᠡᠯᠳᠠ ᠶᠢ ᠪᠡᠶᠡᠯᠡᠬᠦᠯᠵᠤ᠂ ᠵᠠᠰᠠᠭ ᠤᠨ ᠤᠷᠳᠤᠨ ᠤ ᠡᠬᠦᠷᠬᠡ ᠴᠢᠳᠠᠮᠵᠢ ᠶᠢ | ᠤᠯᠠᠮ ᠨᠢᠬᠡ ᠠᠯᠬᠤᠮ ᠬᠤᠪᠢᠷᠠᠭᠤᠯᠤᠨ᠎ᠠ᠃ ᠴᠢᠬᠡᠴᠢ ᠵᠠᠰᠠᠭ ᠤᠨ ᠪᠠᠶᠢᠭᠤᠯᠤᠯᠳᠠ ᠶᠢ ᠰᠠᠶᠢᠳᠤᠷ ᠠᠳᠬᠤᠵᠥ᠂ ᠬᠢᠨᠠᠨ | ᠪᠤᠳᠤᠵᠥ ᠬᠢᠨᠠᠯᠳᠠ ᠲᠠᠯᠪᠢᠬᠤ ᠪᠠᠨ ᠴᠢᠩᠭᠠᠳᠬᠠᠨ᠂ ᠠᠷᠠᠳ ᠲᠦᠮᠡᠨ ᠤ ᠡᠷᠭᠡ ᠠᠰᠢᠭ ᠢ ᠬᠤᠬᠢᠷᠠᠭᠤᠯᠤᠭᠰᠠᠨ ᠳᠦᠪ | ᠪᠤᠰᠤ ᠰᠤᠷᠳᠠᠯ ᠢ ᠡᠷᠡᠰ ᠵᠠᠯᠠᠷᠠᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠬᠠᠷᠢᠭᠤᠴᠡᠯᠭ᠎ᠠ ᠶᠢᠨ | ᠲᠦᠷᠢᠮ ᠢ ᠴᠢᠩᠭ᠎ᠠ ᠨᠠᠶᠢᠳᠠᠪᠦᠷᠢᠵᠢᠭᠤᠯᠵᠥ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠬᠦ ᠪᠠᠶᠢᠭᠤᠯᠭ᠎ᠠ ᠶᠢᠨ | ᠪᠠᠶᠢᠴᠠᠭᠠᠯᠳᠠ ᠪᠠ ᠬᠢᠨᠠᠯᠳᠠ ᠪᠠᠨ ᠨᠡᠮᠡᠭᠳᠡᠬᠦᠯᠵᠥ᠂ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠳᠦᠷᠢᠮᠵᠢᠬᠦᠯᠦᠨ᠎ᠡ᠃ | ᠬᠠᠤᠯᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠵᠤ᠂ ᠴᠢᠩᠭ᠎ᠠ ᠪᠠᠷ ᠲᠦᠷᠥ ᠵᠠᠰᠠᠵᠥ᠂ ᠵᠠᠰᠠᠭ ᠤᠨ ᠵᠠᠷᠯᠢᠭ ᠰᠠᠭᠠᠳ | ᠦᠭᠡᠢ ᠪᠠᠶᠢᠬᠤ ᠶᠢ ᠪᠠᠳᠤᠯᠠᠵᠤ᠂ ᠨᠡᠯᠢᠶᠠᠳ ᠬᠦᠴᠥᠷᠭᠡᠭ ᠵᠢᠯᠤᠭᠤᠳᠬᠤ ᠬᠦᠴᠥᠨ ᠲᠠᠢ᠂ ᠤᠯᠠᠨ ᠳᠤ ᠢᠳᠡᠭᠡᠯ ᠲᠠᠢ | ᠮᠦᠷᠳᠡᠭᠡᠨ ᠬᠡᠷᠡᠭᠵᠢᠬᠦᠯᠬᠦ ᠴᠢᠳᠠᠪᠤᠷᠢ ᠲᠠᠢ ᠠᠷᠠᠳ ᠤᠨ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠤᠨ᠎ᠠ᠃ | ᠳᠠᠷᠠᠭ᠎ᠠ ᠵᠢᠯ ᠪᠤᠯ ︽ᠠᠷᠪᠠᠨ ᠬᠤᠶᠠᠳᠤᠭᠠᠷ ᠲᠠᠪᠤᠨ ᠵᠢᠯ︾ ᠤᠨ ᠡᠬᠢᠯᠡᠯᠳᠡ ᠶᠢᠨ ᠵᠢᠯ ᠪᠤᠯᠤᠨ᠎ᠠ᠃ ᠪᠦᠬᠦ | ᠬᠤᠰᠢᠭᠤᠨ ᠤ ︽ᠠᠷᠪᠠᠨ ᠬᠤᠶᠠᠳᠤᠭᠠᠷ ᠲᠠᠪᠤᠨ ᠵᠢᠯ︾ ᠤᠨ ᠬᠦᠭᠵᠢᠯᠳᠠ ᠶᠢᠨ ᠲᠦᠯᠤᠪᠵᠢᠬᠦᠯᠭᠡ ᠶᠢ ᠨᠠᠷᠢᠨ | ᠨᠢᠮᠪᠠᠢ ᠲᠤᠭᠳᠠᠭᠠᠵᠥ᠂ ᠬᠤᠶᠢᠰᠢᠳᠠ ᠶᠢᠨ ᠨᠢᠭᠡ ᠬᠤᠭᠤᠴᠠᠭᠠᠨ ᠤ ᠬᠦᠭᠵᠢᠯᠳᠠ ᠳᠤ ᠬᠤᠷᠸ᠎ᠠ ᠵᠢᠯᠤᠭᠤᠳᠤᠯᠭ᠎ᠠ | ᠬᠠᠩᠭᠠᠨ᠎ᠠ᠃ | ᠲᠦᠯᠤᠭᠡᠯᠡᠭᠴᠢᠳ ᠡ᠂ ᠡᠨᠡ ᠵᠢᠯ ᠤᠨ ᠠᠵᠢᠯ ᠢ ᠰᠠᠶᠢᠳᠤᠷ ᠬᠢᠬᠦ ᠳᠤ ᠡᠬᠦᠷᠭᠡ ᠬᠦᠨᠳᠥ᠂ ᠬᠠᠷᠢᠭᠤᠴᠠᠯᠭ᠎ᠠ ᠶᠡᠭᠡᠳᠠᠢ | ᠪᠦᠭᠡᠳ ᠢᠷᠠᠭᠤ ᠠᠯᠳᠠᠷᠳᠠᠢ᠃ ᠬᠦᠴᠢᠷ ᠪᠡᠷᠭᠡᠰᠢᠶᠡᠯ ᠪᠤᠯᠤᠨ ᠦᠷᠢᠰᠤᠯᠳᠤᠭᠡᠨ ᠪᠢᠳᠠᠨ ᠢ ᠰᠢᠯᠭᠠᠵᠥ᠂ | ᠬᠠᠷᠢᠭᠤᠴᠠᠯᠭ᠎ᠠ ᠪᠠ ᠲᠡᠤᠬᠡᠳᠥ ᠡᠬᠦᠷᠭᠡ ᠪᠢᠳᠠᠨ ᠢ ᠵᠤᠷᠢᠭᠵᠢᠭᠤᠯᠵᠥ ᠪᠠᠶᠢᠨ᠎ᠠ᠃ ᠪᠢᠳᠠ ᠰᠢᠨᠵᠢᠯᠡᠬᠦ ᠤᠬᠠᠭᠠᠨᠴᠢ | ᠬᠦᠭᠵᠢᠯᠳᠠ ᠶᠢᠨ ᠦᠵᠡᠯᠳᠠ ᠶᠢᠨ ᠵᠢᠯᠤᠭᠤᠳᠤᠯᠭ᠎ᠠ ᠲᠤᠤᠷ᠎ᠠ᠂ ᠴᠤᠭ ᠰᠦᠯᠳᠡ ᠪᠠᠨ ᠪᠠᠳᠠᠷᠠᠭᠤᠯᠤᠨ ᠵᠤᠷᠢᠭᠳᠠᠢ | ᠤᠷᠤᠭᠰᠢᠯᠠᠵᠥ᠂ ᠯᠠᠪᠳᠠᠭᠤᠨ ᠪᠠᠳᠤᠳᠠᠢ ᠠᠵᠢᠯᠯᠠᠨ᠂ ᠠᠷᠠᠳ ᠢᠶᠠᠨ ᠪᠠᠶᠠᠵᠢᠭᠤᠯᠵᠥ ᠬᠤᠰᠢᠭᠤ ᠪᠠᠨ | ᠬᠦᠴᠥᠷᠭᠡᠭᠵᠢᠬᠦᠯᠬᠦ ᠠᠤᠭ᠎ᠠ ᠬᠠᠷᠠᠯᠳᠠ ᠶᠢ ᠡᠷᠳᠡᠬᠡᠨ ᠪᠡᠶᠡᠯᠡᠬᠦᠯᠬᠦ ᠶᠢᠨ ᠲᠦᠯᠤᠭᠡ ᠴᠢᠷᠮᠠᠶᠢᠨ ᠳᠡᠮᠡᠴᠡᠵᠡᠬᠡᠶᠡ︕ | | | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |