| | ᠨᠢᠬᠡ᠂ ᠦᠩᠬᠡᠷᠡᠭᠰᠡᠨ ᠲᠠᠪᠤᠨ ᠵᠢᠯ ᠤᠨ ᠠᠵᠢᠯ ᠤᠨ ᠡᠷᠬᠢᠴᠡᠬᠦᠯᠦᠯ | 2008 ᠤᠨ ᠠᠴᠠ ᠨᠠᠭᠠᠰᠢᠬᠢ ᠲᠠᠪᠤᠨ ᠵᠢᠯ ᠪᠤᠯ᠂ ᠠᠯᠠᠱᠠ ᠵᠡᠬᠦᠨ ᠬᠤᠰᠢᠭᠤᠨ ᠤ ᠦᠬᠡᠷᠡᠴᠢᠯᠡᠯᠳᠡ ᠨᠡᠬᠡᠭᠡᠯᠳᠡ | ᠪᠤᠯᠤᠨ ᠠᠵᠤ ᠠᠬᠤᠢ ᠨᠡᠶᠢᠬᠡᠮ ᠤᠨ ᠬᠦᠭᠵᠢᠯᠳᠡ ᠢᠯᠡᠷᠬᠡᠢ ᠠᠮᠵᠢᠯᠳᠠ ᠤᠯᠤᠭᠰᠠᠨ ᠲᠠᠪᠤᠨ ᠵᠢᠯ ᠪᠤᠯᠤᠨ᠎ᠠ᠃ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠬᠦᠴᠦᠳᠡᠢ | ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠬᠤᠷᠢᠶ᠎ᠠ ᠪᠤᠯᠤᠨ ᠤᠯᠤᠰ ᠲᠦᠷᠦ ᠶᠢᠨ ᠵᠦᠪᠯᠡᠯᠬᠡᠨ ᠤ ᠬᠢᠨᠠᠯᠳᠠ ᠲᠡᠮᠵᠢᠯᠬᠡ ᠲᠤᠤᠷ᠎ᠠ᠂ ᠬᠤᠰᠢᠭᠤᠨ ᠤ | ᠵᠠᠰᠠᠭ ᠤᠨ ᠤᠷᠳᠤᠨ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ | ᠳ᠋ᠧᠩ ᠰᠢᠶᠤᠤ ᠫᠢᠩ ᠤᠨ ᠤᠨᠤᠯ ᠪᠤᠯᠤᠨ《 ᠭᠤᠷᠪᠠ ᠶᠢ ᠲᠦᠯᠦᠬᠡᠯᠡᠬᠦ》ᠴᠢᠬᠤᠯᠠ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠶᠢ ᠬᠦᠨᠵᠡᠬᠡᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠡᠳᠬᠢᠯ ᠢᠶᠠᠨ ᠨᠢᠭᠳᠠᠷᠠᠭᠤᠯᠵᠤ ᠬᠦᠴᠦ ᠪᠠᠨ ᠬᠠᠮᠳᠤᠳᠬᠠᠨ᠂ | ᠰᠢᠭᠤᠷᠬᠠᠶᠢᠯᠠᠨ ᠲᠡᠮᠡᠴᠡᠵᠤ᠂ ᠲᠡᠯᠡᠬᠡᠢ ᠶᠢᠨ ᠮᠦᠩᠬᠦᠨ ᠬᠦᠢᠯᠬᠡᠬᠡᠨ ᠤ ᠬᠢᠮᠦᠷᠡᠯ ᠪᠤᠯᠤᠨ ᠤᠯᠤᠰ ᠤᠨ | ᠲᠤᠳᠤᠭᠠᠳᠠᠬᠢ ᠠᠵᠤ ᠠᠬᠤᠢ ᠶᠢᠨ ᠪᠠᠭᠤᠷᠠᠯᠳᠠ ᠠᠴᠠ ᠪᠤᠯᠤᠭᠰᠠᠨ ᠠᠰᠢᠭ ᠦᠬᠡᠢ ᠨᠦᠯᠦᠬᠡ ᠶᠢ ᠢᠯᠠᠨ ᠳᠠᠪᠠᠵᠤ᠂ | ᠬᠤᠰᠢᠭᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠳᠤ | ᠲᠤᠭᠳᠠᠭᠠᠭᠰᠠᠨ ᠬᠠᠷᠠᠯᠳᠠ ᠡᠬᠦᠷᠬᠡ ᠪᠠᠨ ᠲᠡᠬᠦᠰ ᠠᠮᠵᠢᠯᠳᠠ ᠲᠠᠢ ᠪᠡᠶᠡᠯᠡᠬᠦᠯᠦᠨ᠂ ᠪᠦᠬᠦ ᠬᠤᠰᠢᠭᠤᠨ ᠳᠤ ᠠᠵᠤ | ᠠᠬᠤᠢ ᠴᠡᠴᠡᠭᠯᠡᠨ ᠬᠦᠭᠵᠢᠭᠰᠡᠨ᠂ ᠬᠢᠯᠢ ᠬᠢᠵᠠᠭᠠᠷ ᠠᠮᠤᠷ ᠲᠤᠭᠳᠠᠭᠤᠨ᠂ ᠦᠨᠳᠦᠰᠦᠳᠡᠨ ᠪᠦᠯᠬᠦᠮᠳᠡᠭᠰᠡᠨ᠂ | ᠨᠡᠶᠢᠬᠡᠮ ᠡᠶ᠎ᠡ ᠵᠤᠬᠢᠴᠠᠩᠭᠤᠢ᠂ ᠬᠦᠮᠦᠨ ᠪᠠᠶᠢᠭᠠᠯᠢ ᠨᠦᠬᠦᠷᠰᠡᠭ ᠢᠶᠠᠷ ᠬᠦᠭᠵᠢᠭᠰᠡᠨ ᠴᠤ᠋ ᠰᠢᠨ᠎ᠡ ᠪᠠᠶᠢᠳᠠᠯ ᠢᠯᠡᠷᠡᠪᠡ᠃ | ᠠᠵᠤ ᠠᠬᠤᠢ ᠶᠢᠨ ᠶᠡᠷᠦᠩᠬᠡᠢ ᠪᠤᠳᠠᠳᠤ ᠬᠦᠴᠦᠨ ᠶᠡᠭᠡ ᠪᠠᠷ ᠲᠡᠭᠡᠭᠰᠢᠯᠡᠪᠡ᠃ ᠵᠢᠱᠢᠯᠳᠠ ᠪᠠᠷ 2012 ᠤᠨ ᠤ | ᠪᠦᠬᠦ ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠨᠢᠬᠡ ᠵᠠᠭᠤ ᠲᠠᠪᠢᠨ | ᠳ᠋ᠦᠩᠰᠢᠭᠤᠷ ᠤᠨ ᠶᠡᠭᠡ ᠪᠤᠭᠤᠮᠳᠠ ᠶᠢ ᠲᠠᠪᠠᠨ᠂ 154.8 ᠳ᠋ᠦᠩᠰᠢᠭᠤᠷ ᠲᠦᠬᠦᠷᠢᠭ ᠲᠤ ᠬᠦᠷᠴᠦ᠂ 2007 | ᠤᠨ ᠤ 3.7 ᠲᠠᠬᠢᠨ ᠪᠠᠶᠢᠵᠤ᠂ ᠵᠢᠯ ᠲᠤᠮᠳᠠᠴᠢ ᠪᠠᠷ 29.7% ᠨᠡᠮᠡᠭᠳᠡᠪᠡ︔ ᠡᠳ᠋ ᠤᠨ ᠵᠠᠰᠠᠭ ᠤᠨ ᠤᠷᠤᠯᠭ᠎ᠠ | ᠠᠷᠪᠠᠨ ᠳ᠋ᠦᠡᠭᠰᠢᠭᠤᠷ᠂ ᠬᠤᠷᠢᠨ ᠳ᠋ᠦᠩᠰᠢᠭᠤᠷ ᠤᠨ ᠶᠡᠭᠡ ᠪᠤᠭᠤᠮᠳᠠ ᠶᠢ ᠵᠠᠯᠭᠠᠪᠠᠷ ᠲᠠᠪᠠᠵᠤ᠂ 25.8 ᠳ᠋ᠦᠡᠭᠰᠢᠭᠤᠷ | ᠲᠦᠭᠦᠷᠢᠭ ᠲᠤ ᠬᠦᠷᠴᠦ᠂ 2007 ᠤᠨ ᠤ 3.2 ᠲᠠᠬᠢᠨ ᠪᠠᠶᠢᠵᠤ᠂ ᠵᠢᠯ ᠲᠤᠮᠳᠠᠴᠢ ᠪᠠᠷ 26.5% ᠨᠡᠮᠡᠭᠳᠡᠪᠡ | ︔ ᠨᠡᠶᠢᠬᠡᠮ ᠤᠨ ᠲᠤᠭᠳᠠᠮᠠᠯ ᠬᠦᠷᠦᠩᠭᠡ ᠶᠢᠨ ᠤᠷᠤᠭᠤᠯᠤᠯᠳᠠ ᠰᠢᠨ᠎ᠡ ᠲᠡᠭᠳᠡᠷ ᠲᠤ ᠭᠠᠷᠴᠤ᠂ ᠵᠠᠭᠤᠨ ᠳ᠋ᠦᠡᠭᠰᠢᠭᠤᠷ | ᠤᠨ ᠪᠤᠭᠤᠮᠳᠠ ᠶᠢ ᠲᠠᠪᠠᠵᠤ᠂ 102.5 ᠳ᠋ᠦᠡᠭᠰᠢᠭᠤᠷ ᠲᠦᠭᠦᠷᠢᠭ ᠢ ᠪᠡᠶᠡᠯᠡᠬᠦᠯᠦᠨ᠂ 2007 ᠤᠨ ᠤ 3.4 | ᠲᠠᠬᠢᠨ ᠪᠠᠶᠢᠵᠤ᠂ ᠵᠢᠯ ᠲᠤᠮᠳᠠᠴᠢ ᠪᠠᠷ 27.4% ᠨᠡᠮᠡᠭᠳᠡᠪᠡ︔ ᠬᠤᠳᠠ ᠪᠠᠯᠭᠠᠰᠣᠨ ᠤ ᠰᠠᠭᠤᠭᠠᠯᠢ ᠠᠷᠠᠳ ᠤᠨ | ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠦ ᠪᠤᠯᠬᠤ ᠤᠷᠤᠯᠭ᠎ᠠ 24288.1 ᠲᠦᠬᠦᠷᠢᠭ ᠲᠤ ᠬᠦᠷᠴᠦ᠂ | 2007 ᠤᠨ ᠤ 2 ᠲᠠᠬᠢᠨ ᠪᠠᠶᠢᠵᠤ᠂ ᠵᠢᠯ ᠲᠤᠮᠳᠠᠴᠢ ᠪᠠᠷ 14.4% ᠨᠡᠮᠡᠭᠳᠡᠪᠡ︔ ᠮᠠᠯᠴᠢᠨ ᠲᠠᠷᠢᠶᠠᠴᠢᠨ ᠤ | ᠬᠦᠮᠦᠨ ᠪᠦᠷᠢ ᠳᠤ ᠲᠡᠭᠰᠢᠳᠭᠡᠭᠰᠡᠨ ᠴᠡᠪᠡᠷ ᠤᠷᠤᠯᠭ᠎ᠠ 9541 ᠲᠦᠬᠦᠷᠢᠭ ᠲᠤ ᠬᠦᠷᠴᠥ ᠂ 2007 ᠤᠨ ᠤ 2. | 1 ᠲᠠᠬᠢᠨ ᠪᠠᠶᠢᠵᠤ᠂ ᠵᠢᠯ ᠲᠤᠮᠳᠠᠴᠢ ᠪᠠᠷ 16.1 % ᠨᠡᠮᠡᠭᠳᠡᠪᠡ︔ ᠨᠡᠶᠢᠬᠡᠮ ᠤᠨ ᠬᠡᠷᠡᠭᠯᠡᠬᠡᠨ ᠤ ᠵᠤᠶᠢᠯ ᠢ | ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ 32.2 ᠳ᠋ᠦᠡᠭᠰᠢᠭᠤᠷ ᠲᠦᠭᠦᠷᠢᠭ ᠲᠤ ᠬᠦᠷᠴᠦ᠂ 2007 ᠤᠨ | ᠤ 2.1 ᠲᠠᠬᠢᠨ ᠪᠠᠶᠢᠵᠤ᠂ ᠵᠢᠯ ᠲᠤᠮᠳᠠᠴᠢ ᠪᠠᠷ 15.6% ᠨᠡᠮᠡᠭᠳᠡᠪᠡ᠃ ᠡᠯ᠎ᠡ ᠲᠦᠷᠦᠯ ᠤᠨ ᠭᠤᠤᠯᠳᠠᠯᠭ᠎ᠠ ᠲᠠᠢ | ᠬᠦᠢᠴᠡᠳᠬᠡᠬᠦ ᠲᠤᠭᠠᠨ ᠤ ᠨᠡᠮᠡᠭᠳᠡᠯ ᠤᠨ ᠬᠤᠷᠳᠤᠴᠠ ᠬᠡᠵᠢᠶᠡᠳᠡ ᠪᠦᠬᠦ ᠠᠶᠢᠮᠠᠭ ᠤᠨ ᠲᠡᠷᠢᠬᠦᠨ ᠪᠠᠶᠢᠷᠢᠨ ᠳᠤ | ᠵᠢᠭᠰᠠᠭᠠᠭᠳᠠᠪᠠ᠃ ᠭᠤᠷᠪᠠᠨ ᠠᠵᠤ ᠤᠶᠢᠯᠡᠰ ᠤᠨ ᠪᠦᠳᠦᠴᠡ 2007 ᠤᠨ ᠳᠤ 6.6᠄ 61.4᠄ 32 | ᠪᠠᠶᠢᠭᠰᠠᠨ ᠠᠴᠠ ᠪᠠᠨ ᠲᠤᠭᠢᠷᠠᠭᠤᠯᠤᠭᠳᠠᠭᠠᠳ 3.6᠄78.5᠄17.9 ᠪᠤᠯᠪᠠ᠃ ᠠᠵᠤ ᠠᠬᠤᠢ ᠶᠢᠨ ᠶᠡᠷᠦᠩᠬᠡᠢ | ᠪᠤᠳᠠᠳᠤ ᠬᠦᠴᠦᠨ ᠲᠠᠪᠤᠨ ᠵᠢᠯ ᠲᠠᠷᠠᠭᠠᠯᠠᠨ ᠪᠦᠬᠦ ᠤᠯᠤᠰ ᠤᠨ ᠪᠠᠷᠠᠭᠤᠨ ᠤᠷᠤᠨ ᠤ ᠵᠠᠭᠤᠨ ᠬᠦᠴᠦᠷᠭᠡᠭ ᠰᠢᠶᠠᠨ | ᠤ ᠡᠩᠨᠡᠬᠡᠨ ᠳᠤ ᠤᠷᠤᠵᠤ᠂ 2007 ᠤᠨ ᠳᠤ 34 ᠳ᠋ᠣᠬᠡᠷ ᠲᠤ ᠪᠠᠶᠢᠷᠢᠯᠠᠵᠤ ᠪᠠᠶᠢᠭᠰᠠᠨ ᠠᠴᠠ ᠪᠠᠨ 27 | ᠳ᠋ᠤᠭᠠᠷ ᠲᠤ ᠲᠠᠪᠰᠢᠨ᠂ ᠲᠤᠮᠳᠠᠳᠤ ᠤᠯᠤᠰ ᠤᠨ ᠪᠠᠷᠠᠭᠤᠨ ᠤᠷᠤᠨ ᠤ ᠪᠡᠯᠡ ᠤᠷᠤᠭᠤᠯᠤᠯᠳᠠ ᠬᠢᠬᠦ ᠲᠠᠯᠳᠠ | ᠬᠦᠴᠦᠨ ᠲᠠᠢ ᠵᠠᠭᠤᠨ ᠰᠢᠶᠠᠨ ᠬᠤᠳᠠ ᠶᠢᠨ 10 ᠳ᠋ᠤᠭᠠᠷ ᠲᠤ ᠵᠢᠭᠰᠠᠨ᠂ ᠪᠦᠬᠦ ᠬᠤᠰᠢᠭᠤᠨ ᠤ ᠠᠵᠤ ᠠᠬᠤᠢ | ᠡᠷᠡᠬᠦᠯ ᠢᠶᠠᠷ ᠲᠦᠷᠬᠡᠨ ᠬᠦᠭᠵᠢᠬᠦ ᠵᠠᠮ ᠳᠤ ᠤᠷᠤᠪᠠ᠃ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠬᠦᠭᠵᠢᠪᠡ᠃ ᠲᠠᠷᠢᠶᠠᠯᠠᠩ ᠤᠨ ᠪᠦᠳᠦᠴᠡ | ᠶᠢᠨ ᠲᠤᠬᠢᠷᠠᠭᠤᠯᠤᠯᠳᠠ ᠶᠢ ᠡᠷᠴᠢᠮᠳᠡᠢ ᠠᠬᠢᠭᠤᠯᠤᠨ᠂ ᠬᠦᠯᠡᠮᠵᠢ ᠶᠢᠨ ᠲᠠᠷᠢᠮᠠᠯ᠂ ᠬᠠᠰᠢᠶᠠᠯᠠᠨ ᠲᠡᠵᠢᠬᠡᠬᠦ᠂ | ᠡᠯᠡᠰᠦᠨ ᠤ ᠠᠵᠤ ᠤᠶᠢᠯᠡᠰ ᠵᠡᠷᠬᠡ ᠭᠤᠷᠪᠠᠨ ᠶᠡᠭᠡ ᠤᠨᠴᠠᠯᠢᠭᠲᠤ ᠠᠵᠤ ᠤᠶᠢᠯᠡᠰ ᠤᠨ ᠲᠠᠷᠢᠶᠠᠯᠠᠩ ᠤᠨ | ᠶᠡᠷᠦᠩᠬᠡᠢ ᠦᠢᠯᠡᠳᠬᠦᠨ ᠤ ᠦᠷᠳᠡᠭ ᠤᠨ ᠲᠤᠳᠤᠷ᠎ᠠ ᠡᠵᠡᠯᠡᠬᠦ ᠬᠠᠷᠢᠴᠠᠯ ᠨᠢ ᠵᠢᠯ ᠠᠴᠠ ᠵᠢᠯ ᠨᠡᠮᠡᠭᠳᠡᠪᠡ᠃ ᠮᠠᠯᠴᠢᠨ | ᠲᠠᠷᠢᠶᠠᠴᠢᠨ ᠢ ᠢᠳᠡᠪᠬᠢᠳᠡᠢ ᠲᠠᠭᠠᠭᠤᠯᠤᠨ ᠵᠢᠯᠤᠭᠤᠳᠴᠦ ᠤᠰᠤ ᠠᠷᠪᠢᠯᠠᠬᠤ ᠲᠠᠷᠢᠶᠠᠯᠠᠩ ᠢ ᠬᠦᠭᠵᠢᠬᠦᠯᠦᠨ᠂ | ᠤᠰᠤ ᠠᠷᠪᠢᠯᠠᠬᠤ ᠲᠠᠷᠢᠶᠠᠯᠠᠩ ᠤᠨ ᠲᠠᠯᠠᠪᠠᠢ ᠨᠢ ᠶᠡᠷᠦᠩᠬᠡᠢ ᠲᠠᠷᠢᠮᠠᠯ ᠤᠨ ᠲᠠᠯᠠᠪᠠᠢ ᠶᠢᠨ 54% ᠶᠢ ᠡᠵᠡᠯᠡᠪᠡ᠃ | ᠪᠠᠷᠠᠭᠤᠨ ᠪᠡᠯ᠂ ᠪᠠᠶᠠᠨᠬᠤᠳᠠ᠂ ᠵᠢᠷᠠᠲᠠᠢ ᠵᠡᠷᠬᠡ ᠭᠤᠷᠪᠠᠨ ᠶᠡᠭᠡ ᠤᠷᠭᠠᠨᠢᠭ ᠢᠳᠡᠰᠢᠨ ᠨᠤᠭᠤᠭ᠎ᠠ ᠶᠢᠨ ᠰᠠᠭᠤᠷᠢᠨ | ᠭᠠᠵᠠᠷ ᠢ ᠪᠠᠶᠢᠭᠤᠯᠵᠤ᠂ ᠦᠨᠳᠦᠷ ᠦᠷ᠎ᠡ ᠠᠰᠢᠭᠲᠤ ᠨᠠᠷᠠᠨ ᠤ ᠬᠦᠯᠡᠮᠵᠢ 1704 ᠰᠠᠭᠤᠷᠢ ᠪᠤᠯᠵᠤ ᠨᠡᠮᠡᠭᠳᠡᠪᠡ᠃ | ᠲᠠᠷᠢᠶᠠᠯᠠᠩ ᠮᠠᠯ ᠠᠵᠤ ᠠᠬᠤᠢ ᠶᠢᠨ 24 ᠲᠦᠷᠦᠯ ᠤᠨ ᠬᠡᠷᠡᠭᠯᠡᠬᠡᠨ ᠤ ᠵᠢᠱᠢᠶ᠎ᠡ ᠦᠵᠡᠬᠦᠯᠬᠦ ᠮᠡᠷᠬᠡᠵᠢᠯ ᠢ | ᠲᠦᠬᠡᠮᠡᠯᠵᠢᠬᠦᠯᠪᠡ᠃ ᠮᠠᠯ ᠠᠵᠤ ᠠᠬᠤᠢ ᠯᠠᠪᠳᠠᠭᠤᠨ ᠢᠶᠠᠷ ᠭᠦᠭᠵᠢᠨ᠂ ᠪᠤᠳᠠ ᠪᠤᠭ ᠮᠠᠯ ᠤᠨ ᠶᠡᠷᠦᠩᠬᠡᠢ ᠲᠤᠭ᠎ᠠ ᠶᠢ | 120 ᠲᠦᠮᠡᠨ ᠲᠤᠯᠤᠭᠠᠢ ᠪᠠᠷ ᠬᠢᠵᠠᠭᠠᠷᠯᠠᠵᠤ᠂ ᠡᠬᠦᠨ ᠤ ᠲᠤᠳᠤᠷ᠎ᠠ ᠬᠠᠰᠢᠶᠠᠯᠠᠨ ᠲᠡᠵᠢᠬᠡᠭᠰᠡᠨ ᠮᠠᠯ ᠤᠨ ᠲᠤᠭ᠎ᠠ | 65 ᠲᠦᠮᠡᠨ ᠲᠤᠯᠤᠭᠠᠢ ᠳᠤ ᠬᠦᠷᠪᠡ᠃ ᠬᠤᠤᠰ ᠪᠦᠬᠦᠳᠦ ᠲᠡᠮᠡᠭᠡ ᠶᠢ ᠬᠠᠮᠠᠭᠠᠯᠠᠬᠤ 88 ᠭᠤᠤᠯ ᠰᠦᠷᠦᠭ ᠂ | ᠨᠤᠯᠤᠤᠷ ᠤᠨ ᠴᠠᠭᠠᠨ ᠢᠮᠠᠭ᠎ᠠ ᠶᠢ ᠬᠠᠮᠠᠭᠠᠯᠠᠬᠤ 200 ᠭᠤᠤᠯ ᠰᠦᠷᠦᠭ ᠪᠠᠶᠢᠭᠤᠯᠤᠨ᠂ ᠬᠤᠶᠠᠷ ᠶᠡᠭᠡ ᠮᠠᠯ ᠤᠨ | ᠡᠬᠦᠯᠳᠡᠷ ᠬᠠᠮᠠᠭᠠᠯᠠᠬᠤ ᠦᠷᠡᠵᠢᠬᠦᠯᠦᠨ ᠪᠤᠶᠢᠵᠢᠭᠤᠯᠬᠤ ᠰᠢᠰᠲ᠋ᠧᠮ ᠪᠤᠯᠵᠤ ᠪᠦᠷᠢᠯᠳᠦᠪᠡ᠃ ᠠᠮᠢᠳᠠᠨ ᠤᠷᠭᠤᠮᠠᠯ ᠤᠨ | ᠬᠦᠨᠳᠦ ᠶᠡᠭᠡ ᠬᠢᠵᠢᠭ ᠢ ᠰᠡᠷᠬᠡᠶᠢᠯᠡᠬᠦ ᠲᠤᠭᠳᠠᠯᠴᠠᠭ᠎ᠠ ᠡᠳᠦᠷ ᠢᠷᠡᠬᠦᠶ᠎ᠡ ᠲᠡᠬᠦᠯᠳᠡᠷᠵᠢᠪᠡ᠃ ᠵᠠᠭᠤᠨ ᠲᠦᠮᠡᠨ ᠮᠤ᠋ | ᠵᠠᠭ ᠴᠠᠭᠠᠨ ᠭᠤᠶᠤᠤ ᠶᠢᠨ ᠰᠠᠭᠤᠷᠢᠨ ᠭᠠᠵᠠᠷ ᠢ ᠪᠦᠳᠦᠬᠡᠨ ᠪᠠᠶᠢᠭᠤᠯᠵᠤ᠂ 18 ᠲᠦᠮᠡᠨ ᠮᠤ᠋ ᠵᠠᠭ ᠤᠨ ᠤᠢ | ᠰᠢᠨ᠎ᠡ ᠪᠠᠷ ᠨᠡᠮᠡᠭᠳᠡᠨ᠂ 12 ᠲᠦᠮᠡᠨ ᠮᠤ᠋ ᠴᠠᠭᠠᠨ ᠭᠤᠶᠤᠤ ᠲᠠᠷᠢᠪᠠ᠃ ᠴᠢ ᠸᠧᠢ ᠴᠠᠭᠠᠨ ᠭᠤᠶᠤᠤ ᠶᠢᠨ ᠠᠷᠢᠬᠢᠨ | ᠤ ᠤᠯᠤᠰ ᠤᠨ ᠡᠮ ᠤᠨ ᠵᠦᠪᠰᠢᠶᠡᠷᠡᠯᠳᠡ ᠶᠢᠨ ᠳ᠋ᠤᠭᠠᠷ ᠢ ᠰᠡᠷᠬᠦᠬᠡᠨ᠂ ᠴᠠᠭᠠᠨ ᠭᠤᠶᠤᠤ ᠶᠢᠨ ᠰᠢᠮᠡᠳᠦ ᠠᠷᠢᠭᠢ᠂ | ᠰᠢᠮᠡᠳᠦ ᠮᠦᠬᠦᠯᠢᠭ ᠵᠡᠷᠭᠡ ᠰᠢᠷᠢᠰ ᠪᠦᠳᠦᠭᠡᠭᠳᠡᠭᠦᠨ ᠢ ᠰᠣᠳᠣᠯᠣᠨ ᠤᠶᠢᠯᠡᠳᠴᠦ᠂ ᠲᠤᠮᠳᠠᠳᠤ ᠤᠯᠤᠰ ᠤᠨ ᠠᠯᠠᠱᠠ | ᠶᠢᠨ ᠠᠩᠬᠠᠳᠤᠭᠠᠷ ᠤᠳᠠᠭᠠᠨ ᠤ ᠴᠠᠭᠠᠨ ᠭᠤᠶᠤᠤ ᠶᠢᠨ ᠠᠵᠤ ᠤᠶᠢᠯᠡᠰ ᠤᠨ ᠬᠦᠭᠵᠢᠯᠳᠡ ᠶᠢᠨ ᠶᠠᠷᠢᠶᠠᠨ ᠤ | ᠲᠠᠪᠴᠠᠩ ᠢ ᠠᠮᠵᠢᠯᠳᠠ ᠲᠠᠢ ᠡᠷᠬᠢᠯᠡᠵᠦ᠂ ᠴᠠᠭᠠᠨ ᠭᠤᠶᠤᠤ ᠶᠢᠨ ᠠᠵᠤ ᠤᠶᠢᠯᠡᠰ ᠤᠯᠠᠮ ᠨᠢᠬᠡ ᠠᠯᠬᠤᠮ | ᠬᠦᠭᠵᠢᠨ ᠪᠤᠵᠠᠭᠠᠶᠢᠷᠠᠪᠠ᠃ ᠢᠮᠠᠭᠠᠨ ᠨᠤᠯᠤᠤᠷ ᠢᠯᠭᠠᠨ ᠰᠠᠮᠨᠠᠬᠤ᠂ ᠲᠦᠪᠡᠳ ᠬᠠᠰᠢ ᠶᠢᠨ ᠤᠯᠠᠭᠠᠨ ᠡᠳ᠋ | ᠰᠢᠷᠭᠠᠭᠠᠨ ᠪᠤᠯᠪᠠᠰᠤᠷᠠᠭᠤᠯᠬᠤ ᠵᠡᠷᠬᠡ ᠠᠵᠤ ᠠᠬᠤᠶᠢᠯᠠᠯ ᠢ ᠪᠠᠶᠢᠭᠤᠯᠤᠨ᠂ ᠨᠠᠷᠠᠨ ᠬᠤᠸᠠᠷ ᠤᠨ ᠰᠠᠶᠢᠨ ᠦᠷ᠎ᠡ | ᠪᠤᠶᠢᠵᠢᠭᠤᠯᠬᠤ ᠠᠵᠢᠯ ᠦᠷ᠎ᠡ ᠪᠦᠳᠦᠮᠵᠢ ᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ | ᠶᠢᠨ ᠲᠦᠪᠰᠢᠨ ᠦᠳᠳᠡᠷ ᠲᠦᠷᠬᠡᠨ ᠲᠡᠭᠡᠭᠰᠢᠯᠡᠨ᠂ ᠵᠢᠱᠢᠶ᠎ᠠ ᠦᠵᠡᠬᠦᠯᠵᠦ ᠲᠠᠶᠢᠴᠢᠯᠠᠨ ᠲᠠᠭᠠᠭᠤᠯᠬᠤ ᠤᠶᠢᠯᠡᠳᠦᠯ | ᠢᠯᠡᠷᠬᠡᠢ ᠪᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠬᠤᠷᠰᠢᠶᠠᠵᠢᠯ ᠤᠨ ᠠᠵᠤ ᠠᠬᠤᠢ ᠶᠢᠨ ᠵᠤᠬᠢᠶᠠᠨ | ᠪᠠᠶᠢᠭᠤᠯᠤᠯᠳᠠ ᠲᠦᠷᠭᠡᠨ ᠬᠦᠭᠵᠢᠵᠦ᠂ ᠲᠤᠰᠬᠠᠢ ᠬᠤᠷᠰᠢᠶᠠᠯᠠᠯ 74 ᠡᠷᠦᠬᠡ ᠪᠤᠯᠪᠠ᠃ ᠲᠡᠮᠡᠭᠡ᠂ ᠨᠤᠯᠤᠤᠷ ᠤᠨ | ᠴᠠᠭᠠᠨ ᠢᠮᠠᠭᠠᠨ ᠤ ᠬᠤᠷᠰᠢᠶᠠᠵᠢᠯ ᠨᠢ ᠦᠪᠡᠷᠳᠡᠬᠡᠨ ᠵᠠᠰᠠᠬᠤ ᠤᠷᠤᠨ ᠤ ᠵᠢᠱᠢᠶ᠎ᠡ ᠦᠵᠡᠬᠦᠯᠬᠦ ᠬᠤᠷᠰᠢᠶᠠᠵᠢᠯ ᠢᠶᠠᠷ | ᠦᠨᠡᠯᠡᠭᠳᠡᠪᠡ᠃ ᠶᠠᠰᠤ ᠴᠢᠨᠠᠷ ᠤᠨ ᠨᠡᠷᠡᠳᠤ ᠲᠡᠮᠳᠡᠭ ᠢ ᠬᠡᠷᠡᠴᠢᠯᠡᠬᠦ ᠠᠬᠢᠴᠠ ᠶᠢ ᠲᠦᠷᠬᠡᠳᠬᠡᠨ ᠠᠬᠢᠭᠤᠯᠵᠤ᠂ | ᠪᠤᠬᠢᠷᠳᠤᠯ ᠦᠬᠡᠢ ᠲᠠᠷᠢᠶᠠᠯᠠᠩ ᠤᠨ ᠪᠦᠳᠦᠬᠡᠭᠳᠡᠬᠦᠨ 29 ᠵᠤᠶᠢᠯ ᠳᠤ ᠬᠦᠷᠴᠦ᠂ ᠠᠯᠠᠱᠠ ᠶᠢᠨ ᠬᠤᠤᠰ ᠪᠦᠬᠦᠲᠦ | ᠲᠡᠮᠡᠭᠡ᠂ ᠨᠤᠯᠤᠤᠷ ᠤᠨ ᠴᠠᠭᠠᠨ ᠢᠮᠠᠭ᠎ᠠ᠂ ᠴᠠᠭᠠᠨ ᠭᠤᠶᠤᠤ᠂ ᠤᠯᠠᠭᠠᠨ ᠭᠤᠶᠤᠤ ᠵᠡᠷᠬᠡ ᠲᠦᠷᠪᠡᠨ ᠶᠡᠭᠡ ᠪᠤᠳᠠᠰ | ᠤᠨ ᠲᠦᠷᠦᠯ ᠤᠨ ᠡᠬᠢ ᠪᠠᠶᠠᠯᠢᠭ ᠨᠢ ᠣᠯᠣᠰ ᠤᠨ ᠭᠠᠵᠠᠷ ᠵᠦᠢ ᠶᠢᠨ ᠲᠠᠸᠠᠷ ᠤᠨ ᠲᠡᠮᠳᠡᠭ ᠤᠨ ᠬᠡᠷᠡᠴᠢᠯᠡᠯᠳᠡ | ᠶᠢ ᠤᠯᠵᠤ᠂ ᠲᠤᠮᠳᠠᠳᠤ ᠤᠯᠤᠰ ᠤᠨ ᠲᠡᠮᠡᠬᠡᠳᠦ ᠨᠤᠳᠤᠭ᠂ ᠲᠤᠮᠳᠠᠳᠤ ᠤᠯᠤᠰ ᠤᠨ ᠴᠠᠭᠠᠨ ᠭᠤᠶᠤᠤ ᠶᠢᠨ | ᠨᠤᠳᠤᠭ ᠤᠨ ᠢᠷᠠᠭᠤ ᠠᠯᠳᠠᠷ ᠢ ᠬᠦᠷᠳᠡᠪᠡ᠃ ᠮᠠᠯᠵᠢᠬᠤ ᠶᠢ ᠵᠤᠭᠰᠤᠭᠠᠨ ᠪᠡᠯᠴᠢᠬᠡᠷ ᠢ ᠰᠤᠯᠠᠯᠠᠬᠤ᠂ ᠨᠤᠳᠤᠭ | ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠳᠤ ᠱᠠᠩᠨᠠᠨ ᠬᠦᠬᠢᠬᠦᠯᠬᠦ ᠲᠤᠭᠳᠠᠯᠴᠠᠭ᠎ᠠ ᠪᠤᠯᠤᠨ ᠨᠡᠶᠢᠳᠡ ᠶᠢᠨ | ᠠᠰᠢᠭᠲᠤ ᠣᠢ ᠶᠢᠨ ᠦᠷ᠎ᠡ ᠠᠰᠢᠭ ᠲᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ | ᠬᠡᠷᠡᠭᠵᠢᠬᠦᠯᠵᠤ᠂ ᠭᠠᠴᠠᠭ᠎ᠠ ᠲᠤᠰᠬᠤᠨ ᠤ ᠲᠡᠰ ᠤᠨ ᠨᠡᠶᠢᠳᠡ ᠶᠢᠨ ᠠᠰᠠᠷᠠᠮᠵᠢ ᠶᠢᠨ ᠠᠵᠢᠯ ᠤᠶᠢᠯᠡᠰ ᠤᠨ | ᠪᠠᠶᠢᠭᠤᠯᠤᠯᠳᠠ ᠳᠤ ᠤᠴᠢᠷ ᠨᠢᠬᠡᠪᠦᠷᠢ ᠶᠢ ᠳᠤᠰᠬᠠᠢ ᠵᠦᠪᠳᠡᠬᠦ ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ | ᠠᠵᠢᠯ ᠢ ᠦᠷᠨᠢᠬᠦᠯᠦᠨ᠂ ᠮᠠᠯᠴᠢᠨ ᠲᠠᠷᠢᠶᠠᠴᠢᠨ ᠢ ᠬᠠᠷᠠᠭᠠᠯᠵᠠᠬᠤ ᠡᠯ᠎ᠡ ᠲᠦᠷᠦᠯ ᠤᠨ ᠲᠦᠷᠦ ᠶᠢᠨ ᠪᠤᠳᠤᠯᠭ᠎ᠠ | ᠶᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠨᠦᠬᠦᠪᠦᠷᠢ ᠮᠦᠩᠬᠦ ᠶᠢ ᠨᠡᠶᠢᠳᠡ 24.2 ᠳ᠋ᠦᠩᠰᠢᠭᠤᠷ ᠲᠦᠬᠦᠷᠢᠭ | ᠲᠠᠷᠬᠠᠭᠠᠪᠠ᠃ ᠰᠢᠨ᠎ᠡ ᠬᠦᠳᠡᠭᠡ ᠲᠤᠰᠬᠤᠨ ᠰᠢᠨ᠎ᠡ ᠮᠠᠯᠵᠢᠬᠤ ᠤᠷᠤᠨ ᠤ ᠵᠢᠱᠢᠶ᠎ᠡ ᠦᠵᠡᠬᠦᠯᠬᠦ ᠴᠡᠭ ᠤᠨ | ᠪᠠᠶᠢᠭᠤᠯᠤᠯᠳᠠ ᠠᠩᠬ᠎ᠠ ᠠᠯᠬᠤᠮ ᠪᠦᠳᠦᠮᠵᠢ ᠤᠯᠵᠤ᠂ ᠪᠠᠶᠠᠨᠬᠦ᠋ᠳᠡᠭᠡ ᠵᠡᠷᠬᠡ 14 ᠭᠠᠴᠠᠭ᠎ᠠ ᠨᠢ ᠪᠦᠬᠦ ᠤᠷᠤᠨ ᠤ | ᠠᠩᠬᠠᠳᠠᠭᠴᠢ ᠪᠦᠯᠦᠭ ᠤᠨ ᠰᠢᠨ᠎ᠡ ᠬᠦᠳᠡᠭᠡ ᠲᠤᠰᠬᠤᠨ ᠰᠢᠨ᠎ᠡ ᠮᠠᠯᠵᠢᠬᠤ ᠤᠷᠤᠨ ᠤ ᠵᠢᠱᠢᠶ᠎ᠡ ᠦᠵᠡᠬᠦᠯᠬᠦ ᠴᠡᠭ | ᠢᠶᠠᠷ ᠲᠤᠭᠳᠠᠭᠠᠭᠳᠠᠪᠠ᠃ | ᠠᠵᠤ ᠤᠶᠢᠯᠡᠳᠪᠦᠷᠢ ᠶᠢᠨ ᠠᠵᠤ ᠠᠬᠤᠢ ᠬᠦᠴᠦᠳᠡᠢ ᠲᠦᠷᠬᠡᠨ ᠬᠦᠭᠵᠢᠪᠡ᠃ ᠲᠡᠭᠷᠢ ᠠᠵᠤ ᠤᠶᠢᠯᠡᠳᠪᠦᠷᠢ ᠶᠢᠨ | ᠲᠤᠭᠤᠷᠢᠭ᠂ ᠤᠯᠠᠨᠪᠤᠯᠠᠭ ᠠᠵᠤ ᠤᠶᠢᠯᠡᠰ ᠤᠨ ᠲᠤᠭᠤᠷᠢᠭ ᠢ ᠰᠢᠨ᠎ᠡ ᠪᠠᠷ ᠲᠦᠯᠦᠪᠵᠢᠬᠦᠯᠦᠨ ᠪᠠᠶᠢᠭᠤᠯᠵᠤ᠂ 7 | ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ ᠤᠷᠤᠨ ᠲᠤᠭᠤᠷᠢᠭ ᠤᠨ ᠰᠠᠭᠤᠷᠢ ᠲᠦᠬᠦᠬᠡᠷᠦᠮᠵᠢ ᠶᠢ | ᠲᠡᠬᠦᠯᠳᠡᠷᠵᠢᠬᠦᠯᠵᠦ᠂ ᠤᠷᠤᠨ ᠳᠤᠭᠤᠷᠢᠭ ᠤᠨ ᠠᠵᠤ ᠣᠶᠢᠯᠡᠰ ᠢ ᠴᠤᠭᠯᠠᠷᠠᠭᠤᠯᠬᠤ ᠤᠶᠢᠯᠡᠳᠦᠯ ᠪᠤᠯᠤᠨ | ᠲᠠᠭᠠᠭᠠᠴᠠ ᠢᠯᠡᠷᠬᠡᠢ ᠴᠢᠩᠭᠠᠷᠠᠨ᠂ ᠲᠡᠭᠷᠢ ᠠᠵᠤ ᠤᠶᠢᠯᠡᠳᠪᠦᠷᠢ ᠶᠢᠨ ᠲᠤᠭᠤᠷᠢᠭ ᠲᠡᠰ ᠲᠡᠪᠰᠢᠨ ᠦᠪᠡᠷᠳᠡᠬᠡᠨ | ᠵᠠᠰᠠᠬᠤ ᠤᠷᠤᠨ ᠤ ᠠᠵᠤ ᠤᠶᠢᠯᠡᠳᠪᠦᠷᠢ ᠶᠢᠨ ᠲᠤᠭᠤᠷᠢᠭ ᠪᠤᠯᠪᠠ᠃ 《 ᠬᠤᠤᠰ ᠵᠠᠭᠤᠨ ᠳ᠋ᠦᠩᠰᠢᠭᠤᠷ ᠤᠨ | ᠢᠨᠵᠧᠨᠧᠷᠢᠩ》 ᠢ ᠡᠬᠢᠯᠡᠬᠦᠯᠦᠨ ᠬᠡᠷᠡᠭᠵᠢᠬᠦᠯᠵᠦ᠂ ᠴᠢᠩ ᠬᠤᠸᠠ ᠶᠢᠨ 200 ᠲᠤᠨ ᠤ ᠨᠡᠬᠦᠷᠡᠰᠦᠳᠦ᠋ᠷᠦᠭᠴᠢ | ᠰᠢᠷᠬᠡᠭᠯᠢᠭ ᠪᠠ 20 ᠲᠦᠮᠡᠨ ᠲᠤᠨ ᠾᠧᠺᠰᠠᠨᠤᠶᠢᠯ ᠠᠮᠢᠳ᠋᠂ ᠶᠢᠨ ᠱᠢ ᠮᠠᠭᠨᠢ ᠶᠢᠨ ᠤᠶᠢᠯᠡᠰ ᠤᠨ 20 ᠲᠦᠮᠡᠨ | ᠲᠤᠨ ᠴᠢᠨᠠᠷᠯᠢᠭ ᠮᠠᠭᠨᠢ ᠶᠢᠨ ᠬᠠᠶᠢᠯᠤᠰᠢ᠂ ᠰᠢᠨ ᠹᠧᠩ ᠷᠦᠩ ᠲᠠᠢ ᠶᠢᠨ 20 ᠳ᠋ᠦᠡᠭᠰᠢᠭᠤᠷ ᠠᠮᠫᠧᠷ ᠴᠠᠭ ᠤᠨ | ᠯᠢᠲ᠋ᠢᠳᠤ ᠳ᠋ᠢᠶᠠᠨ ᡂᠢ ᠶᠢᠨ ᠴᠠᠬᠢᠯᠭᠠᠨ ᠲᠤᠶᠢᠯ ᠤᠨ ᠬᠠᠯᠢᠰᠦ᠂ ᠮᠧᠩ ᠨᠧᠩ ᠤᠨ 32 ᠲᠦᠮᠡᠨ ᠲᠤᠨ | ᠪᠦᠬᠡᠬᠡᠨᠡᠷᠡᠯ ᠮᠧᠲ᠋ᠠᠨᠠᠯ᠂ ᠳ᠋ᠧ ᠱᠧᠩ ᠤᠨ 300 ᠲᠦᠮᠡᠨ ᠲᠤᠨ ᠲᠡᠮᠦᠷᠯᠢᠭ ᠤᠨ ᠪᠦᠳᠦᠭᠡᠭᠳᠡᠬᠦᠨ ᠵᠡᠷᠬᠡ ᠪᠡᠯᠡ | ᠤᠷᠤᠭᠤᠯᠤᠯᠳᠠ ᠨᠢ ᠵᠠᠭᠤᠨᠳᠦ᠋ᠡᠭᠰᠢᠭᠤᠷ ᠲᠦᠬᠦᠷᠢᠭ ᠢ ᠲᠠᠪᠠᠭᠰᠠᠨ 5 ᠠᠵᠤ ᠤᠶᠢᠯᠡᠳᠪᠦᠷᠢ ᠶᠢᠨ ᠲᠦᠷᠦᠯ ᠵᠤᠶᠢᠯ | ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠪᠠ᠃ 375.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ | ᠲᠠᠢ ᠰᠢ ᠪᠦᠯᠦᠭᠯᠡᠯ ᠤᠨ 25 ᠲᠦᠮᠡᠨ ᠲᠤᠨ ᠢᠳᠡᠪᠬᠢᠵᠢᠬᠦᠯᠦᠭᠰᠡᠨ ᠨᠡᠬᠦᠷᠡᠰᠦ᠂ ᠺᠤᠷᠢᠶᠠ ᠶᠢᠨ ᠶᠢᠨ ᠶᠠᠩ | ᠪᠦᠯᠦᠭᠯᠡᠯ ᠤᠨ 2 ᠲᠦᠮᠡᠨ ᠲᠤᠨ ᠤᠰᠤᠳᠤ ᠾᠢᠳ᠋ᠷᠠᠽᠢᠨ᠂ 3 ᠲᠦᠮᠡᠨ ᠲᠤᠨ AC ᠬᠦᠬᠡᠰᠦᠷᠡᠬᠦᠯᠦᠭᠴᠢ ᠡᠳ᠋᠂ | ᠲᠢᠶᠠᠨᠵᠢᠨ ᠤ ᠰᠢᠨ ᠶᠠ ᠪᠦᠯᠦᠭᠯᠡᠯ ᠤᠨ 6000 ᠲᠤᠨ ᠲᠷᠦ᠋ᠺᠰᠢᠯ ᠬᠦᠴᠢᠯ᠂ 2000 ᠲᠤᠨ ᠮᠧᠰᠤᠨ ᠬᠦᠴᠢᠯ | ᠂ 4000 ᠲᠤᠨ ᠲᠦᠯᠡᠰᠢᠨ ᠮᠠᠲ᠋ᠧᠷᠢᠶᠠᠯ᠂ ᠶᠢᠨ ᠰᠢᠩ ᠤᠨ 10 ᠲᠦᠮᠡᠨ ᠺᠢᠯᠤᠸᠤᠯᠲ ᠤᠨ ᠰᠠᠯᠬᠢᠨ ᠬᠦᠴᠦ | ᠪᠠᠷ ᠴᠠᠬᠢᠯᠭᠠᠨ ᠭᠠᠷᠭᠠᠬᠤ᠂ ᠤᠯᠤᠰ ᠤᠨ ᠴᠠᠬᠢᠯᠭᠠᠨ ᠤᠶᠢᠯᠡᠰ ᠤᠨ 15 ᠰᠠᠶ᠎ᠠ ᠸᠠᠲ ᠤᠨ ᠨᠠᠷᠠᠨ ᠤ ᠡᠨᠧᠷᠬᠢ | ᠪᠠᠷ ᠴᠠᠬᠢᠯᠭᠠᠨ ᠭᠠᠷᠭᠠᠬᠤ᠂ ᠶᠢᠨ ᠱᠢ ᠵᠢᠢ ᠶᠢᠨ 20 ᠲᠦᠮᠡᠨ ᠲᠡᠭᠰᠢ ᠲᠦᠷᠪᠡᠯᠵᠢᠨ ᠮᠧᠲᠷ ᠤᠨ ᠪᠤᠷᠵᠢᠨ | ᠴᠢᠯᠠᠭᠤᠨ ᠤ ᠳᠦᠬᠦᠬᠡᠢ ᠮᠠᠲ᠋ᠧᠷᠢᠶᠠᠯ᠂ 450 ᠲᠦᠮᠡᠨ ᠲᠡᠭᠰᠢ ᠲᠦᠷᠪᠡᠯᠵᠢᠨ ᠮᠧᠲᠷ ᠤᠨ ᠬᠠᠪᠳᠠᠰᠤᠨ ᠮᠠᠲ᠋ᠧᠷᠢᠶᠠᠯ | ᠂ ᠰᠦᠩ ᠲᠠ ᠺᠤᠮᠫᠠᠨᠢ ᠶᠢᠨ 120 ᠲᠦᠮᠡᠨ ᠲᠤᠨ ᠱᠦᠢᠨᠢ᠂ ᠵᠦᠩ ᠰᠢᠨ ᠤ 10 ᠲᠦᠮᠡᠨ ᠲᠤᠨ ᠬᠠᠷ᠎ᠠ | ᠲᠤᠭᠤᠯᠭ᠎ᠠ ᠴᠠᠶᠢᠷ ᠵᠡᠷᠬᠡ 67 ᠠᠵᠤ ᠤᠶᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠬᠦᠯᠵᠦ᠂ | ᠨᠡᠶᠢᠳᠡ 375.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠪᠠᠷ ᠳᠦᠯᠦᠪᠯᠡᠨ᠂ 56 ᠶᠢ ᠨᠢ | ᠪᠠᠶᠢᠭᠤᠯᠵᠤ ᠲᠠᠭᠤᠰᠤᠨ ᠠᠰᠢᠭᠯᠠᠯᠳᠠ ᠳᠤ ᠤᠷᠤᠭᠤᠯᠤᠨ᠂ 159.5 ᠳ᠋ᠦᠡᠭᠰᠢᠭᠤᠷ ᠲᠦᠭᠦᠷᠢᠭ ᠪᠡᠯᠡ | ᠤᠷᠤᠭᠤᠯᠤᠯᠳᠠ ᠶᠢ ᠪᠡᠶᠡᠯᠡᠬᠦᠯᠵᠦ᠂ ᠵᠢᠯ ᠲᠤᠮᠳᠠᠴᠢ ᠪᠠᠷ 67.7% ᠨᠡᠮᠡᠭᠳᠡᠪᠡ᠃ ᠠᠵᠤ ᠤᠶᠢᠯᠡᠳᠪᠦᠷᠢ ᠶᠢᠨ | ᠭᠤᠤᠯᠳᠠᠯᠭ᠎ᠠ ᠲᠠᠢ ᠲᠦᠷᠦᠯ ᠵᠤᠶᠢᠯ ᠤᠨ ᠪᠡᠯᠡ ᠤᠷᠤᠭᠤᠯᠤᠯᠳᠠ ᠶᠢᠨ ᠭᠡᠪᠴᠢᠶ᠎ᠡ ᠬᠡᠳᠦᠨ ᠮᠢᠩᠭᠠᠨ ᠲᠦᠮᠡᠨ | ᠲᠦᠬᠦᠷᠢᠭ ᠪᠠᠶᠢᠭᠰᠠᠨ ᠠᠴᠠ ᠪᠠᠨ ᠨᠡᠮᠡᠭᠳᠡᠬᠡᠳ ᠬᠡᠳᠦᠨ ᠠᠷᠪᠠᠨ ᠳ᠋ᠦᠡᠭᠰᠢᠭᠤᠷ᠂ ᠬᠡᠳᠦᠨ ᠵᠠᠭᠤᠨ ᠳ᠋ᠦᠡᠭᠰᠢᠭᠤᠷ | ᠲᠦᠬᠦᠷᠢᠭ ᠪᠤᠯᠪᠠ᠃ ᠤᠶᠢᠯᠡᠳᠪᠦᠷᠢᠯᠡᠯ ᠤᠨ ᠦᠷᠳᠡᠭ ᠳ᠋ᠦᠡᠭᠰᠢᠭᠤᠷ ᠲᠦᠭᠦᠷᠢᠭ ᠢ ᠲᠠᠪᠠᠭᠰᠠᠨ ᠠᠵᠤ | ᠤᠶᠢᠯᠡᠳᠪᠦᠷᠢ ᠶᠢᠨ ᠠᠵᠤ ᠠᠬᠤᠶᠢᠯᠠᠯ 13 ᠡᠷᠦᠬᠡ ᠰᠢᠨ᠎ᠡ ᠪᠠᠷ ᠨᠡᠮᠡᠭᠳᠡᠵᠤ᠂ ᠠᠵᠤ ᠤᠶᠢᠯᠡᠳᠪᠦᠷᠢ ᠶᠢᠨ ᠨᠡᠮᠡᠭᠳᠡᠯ | ᠦᠷᠳᠡᠭ ᠨᠢ 106 ᠳ᠋ᠦᠡᠭᠰᠢᠭᠤᠷ ᠲᠦᠭᠦᠷᠢᠭ ᠲᠤ ᠬᠦᠷᠪᠡ᠃ ᠨᠡᠬᠦᠷᠡᠰᠦᠨ ᠠᠭᠤᠷᠬᠠᠢ ᠶᠢᠨ ᠮᠡᠷᠬᠡᠵᠢᠯ ᠢ | ᠦᠬᠡᠷᠡᠴᠢᠯᠡᠵᠦ ᠦᠷᠬᠡᠳᠬᠡᠨ ᠪᠠᠶᠢᠭᠤᠯᠬᠤ᠂ ᠨᠢᠭᠡᠳᠬᠡᠨ ᠲᠠᠬᠢᠨ ᠪᠠᠶᠢᠭᠤᠯᠬᠤ ᠪᠤᠯᠤᠨ ᠠᠭᠤᠷᠬᠠᠢ ᠶᠢᠨ ᠭᠠᠯᠳᠤ | ᠤᠷᠤᠨ ᠢ ᠵᠠᠰᠠᠨ ᠴᠡᠭᠴᠡᠯᠡᠬᠦ ᠢᠨᠵᠧᠨᠧᠷᠢᠩ ᠯᠠᠪᠳᠠᠭᠤᠨ ᠢᠶᠠᠷ ᠬᠡᠷᠡᠭᠵᠢᠬᠦᠯᠦᠭᠳᠡᠨ᠂ ᠨᠡᠬᠦᠷᠡᠰᠦᠨ ᠤ ᠵᠢᠯ ᠤᠨ | ᠭᠠᠷᠤᠯᠳᠠ 1300 ᠲᠦᠮᠡᠨ ᠲᠤᠨ ᠠᠴᠠ ᠲᠡᠭᠡᠭᠰᠢ ᠬᠦᠷᠴᠦ᠂ 2007 ᠤᠨ ᠤ 2.6 ᠲᠠᠬᠢᠨ ᠪᠤᠯᠪᠠ᠃ ᠵᠢᠷᠠᠳᠠᠢ | ᠶᠢᠨ ᠴᠢᠯᠠᠭᠤᠨ ᠮᠠᠲ᠋ᠧᠷᠢᠶᠠᠯ ᠪᠤᠯᠪᠠᠰᠣᠷᠠᠭᠤᠯᠬᠤ ᠳᠤᠭᠤᠷᠢᠭ ᠢ ᠲᠦᠯᠦᠪᠵᠢᠬᠦᠯᠵᠦ ᠪᠠᠶᠢᠭᠤᠯᠦᠨ᠂ ᠵᠢᠯ ᠳᠤ 2500 | ᠲᠦᠮᠡᠨ ᠲᠡᠭᠰᠢ ᠲᠦᠷᠪᠡᠯᠵᠢᠨ ᠮᠧᠲᠷ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠴᠢᠳᠠᠪᠤᠷᠢ ᠲᠠᠢ ᠪᠤᠯᠵᠤ᠂ | ᠬᠦᠨᠵᠡᠬᠡᠢ ᠨᠠᠷᠢᠯᠢᠭ ᠪᠤᠯᠪᠠᠰᠤᠷᠠᠭᠤᠯᠬᠤ ᠬᠢᠷᠢ ᠲᠦᠪᠰᠢᠨ ᠪᠤᠯᠤᠨ ᠨᠡᠮᠡᠯᠳᠡ ᠦᠷᠳᠡᠭ ᠨᠢ ᠢᠯᠡᠷᠬᠡᠢ ᠲᠡᠭᠡᠭᠰᠢᠯᠡᠪᠡ᠃ | ᠲᠤᠮᠳᠠᠳᠤ ᠤᠯᠤᠰ ᠤᠨ ᠠᠯᠠᠱᠠ ᠶᠢᠨ ᠠᠩᠬᠠᠳᠤᠭᠠᠷ ᠬᠤᠭᠤᠴᠠᠭᠠᠨ ᠤ ᠴᠢᠯᠠᠭᠤᠨ ᠮᠠᠲ᠋ᠧᠷᠢᠶᠠᠯ ᠤᠨ ᠦᠵᠡᠰᠬᠦᠯᠡᠩ | ᠵᠢᠴᠢ ᠠᠯᠠᠱᠠ ᠵᠢᠨᠴᠢᠯᠠᠭᠤᠨ ᠮᠠᠲ᠋ᠧᠷᠢᠶᠠᠯ ᠤᠨ ᠠᠵᠤ ᠤᠶᠢᠯᠡᠰ ᠤᠨ ᠬᠦᠭᠵᠢᠯᠳᠡ ᠶᠢᠨ ᠳᠡᠷᠢᠬᠦᠨᠴᠤᠳ ᠤᠨ ᠶᠡᠷᠢᠶᠠᠨ | ᠤ ᠲᠠᠪᠴᠠᠩ ᠢ ᠠᠮᠵᠢᠯᠳᠠ ᠲᠠᠢ ᠡᠷᠬᠢᠯᠡᠨ᠂ ᠠᠯᠠᠱᠠ ᠶᠢᠨ ᠴᠢᠯᠠᠭᠤᠨ ᠮᠠᠲ᠋ᠧᠷᠢᠶᠠᠯ ᠤᠨ ᠨᠡᠷ᠎ᠡ ᠲᠡᠮᠳᠡᠭ ᠤᠨ | ᠠᠯᠳᠠᠷᠰᠢᠯ ᠢ ᠲᠠᠰᠤᠷᠠᠯᠳᠠ ᠦᠬᠡᠢ ᠲᠡᠭᠡᠭᠰᠢᠯᠡᠬᠦᠯᠪᠡ᠃ ᠨᠡᠬᠦᠷᠡᠰᠦ᠂ ᠲᠠᠪᠣᠰᠣ ᠬᠤᠵᠢᠷ ᠬᠢᠮᠢ ᠶᠢᠨ ᠤᠶᠢᠯᠡᠳᠪᠦᠷᠢ᠂ | ᠲᠡᠮᠦᠷᠯᠢᠭ ᠰᠣᠩᠭᠤᠬᠤ ᠵᠡᠷᠬᠡ ᠭᠤᠤᠯᠯᠠᠭᠴᠢ ᠠᠵᠤ ᠤᠶᠢᠯᠡᠰ ᠲᠠᠰᠣᠷᠠᠯᠳᠠ ᠦᠬᠡᠢ ᠰᠢᠯᠢᠳᠡᠭᠵᠢᠨ ᠲᠡᠰ ᠲᠡᠪᠰᠢᠵᠦ᠂ | ᠰᠢᠨ᠎ᠡ ᠬᠡᠯᠪᠡᠷᠢ ᠶᠢᠨ ᠨᠡᠬᠦᠷᠡᠰᠦ ᠬᠢᠮᠢ ᠶᠢᠨ ᠤᠶᠢᠯᠡᠳᠪᠦᠷᠢ᠂ ᠨᠠᠷᠢᠯᠢᠭ ᠬᠢᠮᠢ ᠶᠢᠨ ᠤᠶᠢᠯᠡᠳᠪᠦᠷᠢ᠂ ᠦᠪᠡᠷᠮᠢᠴᠡ | ᠤᠨᠴᠠᠯᠢᠭᠲᠤ ᠲᠡᠮᠦᠷᠯᠢᠭ ᠬᠠᠶᠢᠯᠤᠭᠤᠯᠬᠤ᠂ ᠰᠢᠨ᠎ᠡ ᠮᠠᠶ᠋ᠢᠭ ᠤᠨ ᠪᠠᠷᠢᠯᠭ᠎ᠠ ᠶᠢᠨ ᠮᠠᠲ᠋ᠧᠷᠢᠶᠠᠯ᠂ ᠲᠤᠨᠤᠭ | ᠲᠦᠬᠦᠬᠡᠷᠦᠮᠵᠢ ᠦᠢᠯᠡᠳᠬᠦ᠂ ᠰᠢᠨ᠎ᠡ ᠡᠨᠧᠷᠬᠢ ᠵᠡᠷᠬᠡ ᠠᠵᠤ ᠤᠶᠢᠯᠡᠰ ᠡᠬᠢᠯᠡᠵᠦ ᠬᠦᠭᠵᠢᠨ ᠦᠷᠨᠢᠵᠦ᠂ ᠠᠵᠦ | ᠦᠢᠯᠡᠰ ᠤᠨ ᠬᠡᠯᠬᠢᠶᠡᠵᠢᠯ ᠲᠦᠷᠭᠡᠨ ᠢᠶᠠᠷ ᠤᠷᠳᠤᠳᠴᠤ᠂ ᠤᠯᠠᠨ ᠡᠰᠢᠵᠢᠨ ᠬᠦᠭᠵᠢᠵᠦ᠂ ᠤᠯᠠᠨ ᠲᠤᠶᠢᠯ ᠠᠴᠠ | ᠲᠤᠯᠭᠠᠭᠤᠷᠢᠯᠠᠭᠰᠠᠨ ᠤᠳᠤᠬᠢᠴᠢᠯᠠᠭᠰᠠᠨ ᠠᠵᠤ ᠤᠶᠢᠯᠡᠳᠪᠦᠷᠢ ᠶᠢᠨ ᠲᠤᠭᠳᠠᠯᠴᠠᠭ᠎ᠠ ᠠᠩᠬ᠎ᠠ ᠠᠯᠬᠤᠮ ᠪᠦᠷᠢᠯᠳᠦᠪᠡ᠃ | ᠵᠢᠱᠢᠯᠳᠠ ᠪᠠᠷ 2012 ᠤᠨ ᠤ ᠪᠦᠬᠦ ᠬᠤᠰᠢᠭᠤᠨ ᠤ ᠠᠵᠤ ᠤᠶᠢᠯᠡᠳᠪᠦᠷᠢ ᠶᠢᠨ ᠨᠡᠮᠡᠭᠳᠡᠯ ᠦᠷᠳᠡᠭ 112.8 | ᠳ᠋ᠦᠡᠭᠰᠢᠭᠤᠷ ᠲᠦᠭᠦᠷᠢᠭ ᠲᠤ ᠬᠦᠷᠴᠦ᠂ 2007 ᠤᠨ ᠤ 5.1 ᠲᠠᠬᠢᠨ ᠪᠠᠶᠢᠵᠤ᠂ ᠵᠢᠯ ᠲᠤᠮᠳᠠᠴᠢ ᠪᠠᠷ 38.2 | % ᠨᠡᠮᠡᠭᠳᠡᠨ᠂ ᠡᠳ᠋ ᠤᠨ ᠵᠠᠰᠠᠭ ᠤᠨ ᠬᠤᠪᠢ ᠨᠡᠮᠡᠷᠢ ᠶᠢᠨ ᠬᠡᠮᠵᠢᠶ᠎ᠡ 80% ᠠᠴᠠ ᠲᠡᠭᠡᠭᠰᠢ ᠬᠦᠷᠪᠡ᠃ | ᠡᠨᠧᠷᠬᠢ ᠠᠷᠪᠢᠯᠠᠨ ᠪᠤᠬᠢᠷᠳᠤᠯ ᠢ ᠪᠠᠭᠠᠰᠬᠠᠬᠤ ᠠᠵᠢᠯ ᠡᠷᠴᠢᠮᠳᠡᠢ ᠠᠬᠢᠨ᠂ ᠭᠤᠤᠯ ᠪᠤᠬᠢᠷᠳᠤᠯ ᠡᠳ᠋ ᠤᠨ | ᠭᠠᠳᠠᠭᠰᠢᠯᠠᠭᠤᠯᠤᠯᠳᠠ ᠶᠢ ᠲᠡᠭᠡᠳᠦ ᠱᠠᠳᠤᠨ ᠠᠴᠠ ᠱᠠᠭᠠᠷᠳᠠᠭᠰᠠᠨ ᠬᠡᠪᠴᠢᠶᠡᠨ ᠲᠤᠳᠤᠷ᠎ᠠ ᠬᠢᠵᠠᠭᠠᠷᠯᠠᠪᠠ᠃ | ᠭᠤᠷᠪᠠᠳᠤᠭᠠᠷ ᠠᠵᠤ ᠤᠶᠢᠯᠡᠰ ᠡᠳᠦᠷ ᠢᠷᠡᠬᠦᠶ᠎ᠡ ᠴᠡᠴᠡᠭᠯᠡᠨ ᠬᠦᠭᠵᠢᠪᠡ᠃ ᠭᠤᠷᠪᠠᠳᠤᠭᠠᠷ ᠠᠵᠤ ᠤᠶᠢᠯᠡᠰ ᠤᠨ | ᠬᠦᠭᠵᠢᠯᠳᠡ ᠶᠢ ᠲᠡᠮᠵᠢᠬᠦ ᠠᠷᠪᠠᠨ ᠵᠤᠷᠪᠣᠰ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠶᠢᠳᠡᠯᠡᠵᠦ᠂ ᠨᠡᠶᠢᠬᠡᠮ | ᠠᠴᠠ ᠭᠤᠷᠪᠠᠳᠤᠭᠠᠷ ᠠᠵᠤ ᠤᠶᠢᠯᠡᠰ ᠲᠤ ᠪᠡᠯᠡ ᠤᠷᠤᠭᠤᠯᠬᠤ ᠢᠳᠡᠪᠬᠢᠵᠢᠯ ᠢ ᠲᠠᠶᠢᠴᠢᠯᠠᠪᠠ᠃ ᠠᠷᠠᠯᠵᠢᠶ᠎ᠠ | ᠬᠤᠳᠠᠯᠳᠤᠭ᠎ᠠ᠂ ᠢᠳᠡᠬᠡᠨ ᠤᠮᠳᠠᠭᠠᠨ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠤᠶᠢᠯᠡᠰ ᠯᠠᠪᠳᠠᠭᠤᠨ ᠢᠶᠠᠷ ᠠᠬᠢᠨ᠂ | ᠲᠠᠩᠰᠠᠯᠠᠭᠰᠠᠨ ᠬᠤᠪᠢ ᠶᠢᠨ ᠤᠶᠢᠯᠡᠳᠪᠦᠷᠢ ᠬᠤᠳᠠᠯᠳᠤᠭᠠᠨ ᠤ ᠡᠷᠦᠬᠡ 9238 ᠳᠤ ᠬᠦᠷᠴᠦ᠂ 2007 ᠤᠨ | ᠤ ᠬᠢ ᠠᠴᠠ 2358 ᠡᠷᠦᠬᠡ ᠰᠢᠨ᠎ᠡ ᠪᠠᠷ ᠨᠠᠮᠡᠭᠳᠡᠪᠡ᠃ ᠪᠠᠶᠠᠨᠬᠤᠳᠠ ᠶᠢᠨ ᠨᠢᠬᠡᠳᠦᠬᠡᠷ ᠲᠡᠰ ᠤᠨ ᠠᠶᠠᠨᠴᠢᠳ | ᠤᠨ ᠮᠠᠰᠢᠨ ᠲᠡᠷᠬᠡᠨ ᠤ ᠦᠷᠳᠡᠭᠡ᠂ ᠠᠯᠠᠱᠠ ᠶᠡᠭᠡ ᠪᠠᠭᠤᠳᠠᠯ᠂ ᠲᠠᠢ ᠰᠢ ᠶᠢᠨ ᠣᠯᠠᠨ ᠣᠯᠣᠰ ᠤᠨ ᠲᠤᠮᠤ | ᠪᠠᠭᠤᠳᠠᠯ᠂ ᠲᠡᠭᠷᠢ ᠤᠯᠠᠨ ᠤᠯᠤᠰ ᠤᠨ ᠲᠤᠮᠤ ᠪᠠᠭᠤᠳᠠᠯ᠂ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ᠂ | ᠬᠠᠴᠢᠨ ᠴᠢᠯᠠᠭᠤᠨ ᠤ ᠦᠵᠡᠰᠬᠦᠯᠡᠩ ᠤᠨ ᠬᠦᠷᠢᠶᠡᠯᠡᠩ ᠵᠡᠷᠬᠡ ᠶᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ | ᠦᠢᠯᠡᠴᠢᠯᠡᠬᠡᠨ ᠤ ᠴᠢᠨᠠᠷ ᠲᠡᠰ ᠪᠤᠯᠤᠨ ᠬᠢᠷᠢ ᠲᠦᠪᠰᠢᠨ ᠢᠯᠡᠷᠬᠡᠢ ᠲᠡᠭᠡᠭᠰᠢᠯᠡᠪᠡ᠃ ᠠᠯᠠᠱᠠ ᠶᠢᠨ ᠡᠯᠡᠰᠦ ᠮᠠᠩᠬᠠᠨ | ᠤ ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠪᠤᠯᠤᠨ ᠳᠤᠮᠳᠠᠳᠤ ᠤᠯᠤᠰ ᠤᠨ ᠦᠵᠡᠮᠦᠷᠢ ᠶᠢᠨ | ᠴᠢᠯᠠᠭᠤᠨ ᠤ ᠬᠤᠳᠠ ᠶᠢᠨ ᠨᠡᠷ᠎ᠡ ᠲᠡᠮᠳᠡᠭ ᠤᠨ ᠦᠢᠯᠡᠳᠦᠯ ᠢ ᠠᠰᠢᠭᠯᠠᠨ᠂ ᠤᠷᠢᠳ ᠬᠤᠵᠢᠳ ᠠᠩᠬᠠᠳᠤᠭᠠᠷ | ᠬᠤᠭᠤᠴᠠᠭᠠᠨ ᠤ ᠦᠵᠡᠮᠦᠷᠢ ᠶᠢᠨ ᠴᠢᠯᠠᠭᠤᠨ ᠤ ᠳᠡᠷᠢᠬᠦᠨᠴᠤᠳ ᠤᠨ ᠶᠠᠷᠢᠶᠠᠨ ᠤ ᠲᠠᠪᠴᠠᠩ᠂ ᠳᠤᠮᠳᠠᠳᠤ ᠤᠯᠤᠰ | ᠤᠨ ᠦᠵᠡᠮᠦᠷᠢ ᠶᠢᠨ ᠴᠢᠯᠠᠭᠤᠨ ᠤ ᠨᠤᠳᠤᠭ ︵ᠬᠤᠳᠠ︶ ᠤᠨ ᠭᠤᠷᠪᠠᠳᠤᠭᠠᠷ ᠬᠤᠭᠤᠴᠠᠭᠠᠨ ᠤ ᠨᠦᠬᠦᠷᠯᠡᠯ ᠤᠨ | ᠬᠤᠷᠠᠯ ᠢ ᠲᠠᠭᠠᠭᠠᠴᠢᠯᠠᠨ ᠡᠷᠬᠢᠯᠡᠵᠦ᠂ ᠠᠯᠠᠱᠠ ᠶᠢᠨ ᠬᠠᠰ · ᠬᠠᠴᠢᠨ ᠴᠢᠯᠠᠭᠤᠨ ᠤ ᠰᠣᠶᠣᠯ ᠵᠢᠭᠤᠯᠴᠢᠯᠠᠯ ᠤᠨ | ᠨᠠᠶᠢᠷ᠂ ᠨᠠᠭᠠᠳᠤᠮ ᠤᠨ ᠶᠡᠭᠡ ᠬᠤᠷᠠᠯ᠂ ᠬᠡᠬᠡᠷ᠎ᠡ ᠲᠤᠭᠤᠯᠬᠤ e ᠪᠦᠯᠦᠭ ᠤᠨ ᠪᠠᠭᠠᠳᠤᠷᠴᠤᠳ ᠤᠨ ᠴᠤᠭᠯᠠᠭᠠᠨ | ᠵᠡᠷᠬᠡ ᠲᠤᠮᠤ ᠬᠡᠯᠪᠡᠷᠢ ᠶᠢᠨ ᠰᠤᠶᠤᠯ ᠲᠠᠮᠢᠷ ᠤᠨ ᠠᠵᠢᠯᠯᠠᠭᠠᠨ ᠢ ᠡᠷᠬᠢᠯᠡᠨ ᠶᠠᠪᠤᠭᠳᠠᠭᠤᠯᠪᠠ᠃ ᠱᠠᠰᠢᠨ ᠢ | ᠪᠠᠳᠠᠷᠠᠭᠤᠯᠤᠭᠴᠢ ᠰᠦᠮ᠎ᠡ᠂ ᠪᠤᠶᠠᠨ ᠢ ᠦᠨᠳᠦᠰᠦᠯᠡᠭᠴᠢ ᠰᠦᠮ᠎ᠡ ᠶᠢᠨ ᠵᠢᠭᠤᠯᠴᠢᠯᠠᠯ ᠤᠨ ᠡᠬᠢ ᠪᠠᠶᠠᠯᠢᠭ ᠢ | ᠨᠢᠬᠡᠳᠦᠬᠦᠯᠦᠨ ᠨᠡᠬᠡᠬᠡᠨ ᠬᠦᠭᠵᠢᠬᠦᠯᠵᠦ᠂ ᠬᠠᠯᠳᠠᠷ ᠨᠠᠭᠤᠷ᠂ ᠤᠯᠠᠭᠠᠨ ᠨᠠᠭᠤᠷ᠂ ᠤᠯᠠᠨᠪᠤᠯᠠᠭ ᠤᠨ ᠬᠠᠳᠠᠨ | ᠬᠠᠪᠴᠢᠯ ᠵᠡᠷᠬᠡ ᠦᠵᠡᠮᠵᠢ ᠶᠢᠨ ᠤᠷᠤᠨ ᠤ ᠰᠠᠭᠤᠷᠢ ᠲᠦᠬᠦᠬᠡᠷᠦᠮᠵᠢ ᠶᠢ ᠲᠠᠰᠣᠷᠠᠯᠳᠠ ᠦᠬᠡᠢ | ᠲᠡᠬᠦᠯᠳᠡᠷᠵᠢᠬᠦᠯᠵᠦ᠂ 87 ᠡᠷᠦᠬᠡ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠢ ᠤᠳᠤᠷᠢᠳᠤᠨ᠂ | ᠬᠦᠭᠵᠢᠬᠦᠯᠵᠦ᠂ ᠲᠦᠷᠢᠮᠵᠢᠬᠦᠯᠦᠨ᠂ ᠵᠢᠭᠤᠯᠴᠢᠯᠠᠯ ᠤᠨ ᠤᠶᠢᠯᠡᠴᠢᠯᠡᠬᠡᠨ ᠤ ᠬᠢᠷᠢ ᠲᠦᠪᠰᠢᠨ ᠮᠡᠳᠡᠭᠳᠡᠮ᠎ᠡ | ᠲᠡᠭᠡᠭᠰᠢᠯᠡᠪᠡ᠃ ᠲᠠᠪᠤᠨ ᠵᠢᠯ ᠳᠤ ᠵᠤᠭᠠᠴᠠᠭᠰᠠᠳ ᠢ ᠨᠡᠶᠢᠳᠡ 493 ᠲᠦᠮᠡᠨ ᠬᠦᠮᠦᠨ ᠤᠳᠠᠭ᠎ᠠ ᠬᠦᠯᠢᠶᠡᠨ | ᠵᠤᠴᠢᠯᠠᠵᠤ᠂ ᠡᠵᠡᠩᠨᠡᠯᠳᠡ ᠶᠢᠨ ᠤᠷᠤᠯᠭ᠎ᠠ ᠶᠢ 29.1 ᠳ᠋ᠦᠩᠰᠢᠭᠤᠷ ᠲᠦᠬᠦᠷᠢᠭ ᠪᠡᠶᠡᠯᠡᠬᠦᠯᠪᠡ᠃《 ᠬᠦᠳᠡᠭᠡ | ᠳᠤᠰᠬᠤᠨ ᠤ ᠵᠠᠬ᠎ᠠ ᠲᠡᠯᠬᠡᠬᠦᠷ ᠤᠨ ᠢᠨᠵᠧᠨᠧᠷᠢᠩ》ᠡᠮᠬᠢ ᠵᠢᠷᠤᠮ ᠲᠠᠢ ᠠᠬᠢᠵᠤ᠂ 123 ᠡᠷᠦᠬᠡ ᠲᠠᠷᠢᠶᠠᠴᠢᠨ | ᠠᠶᠢᠯ ᠤᠨ ᠲᠡᠯᠭᠡᠬᠦᠷ ᠢ ᠰᠢᠨ᠎ᠡ ᠪᠠᠷ ᠪᠠᠶᠢᠭᠤᠯᠤᠨ᠂ ᠭᠡᠷ ᠤᠨ ᠴᠠᠬᠢᠯᠭᠠᠨ᠂ ᠮᠤᠲ᠋ᠤᠷ ᠮᠠᠰᠢᠨ ᠢ ᠬᠦᠳᠡᠭᠡ | ᠪᠠᠭᠤᠯᠭᠠᠬᠤ ᠨᠦᠬᠦᠪᠦᠷᠢ ᠮᠦᠩᠬᠦ ᠶᠢ ᠨᠡᠶᠢᠳᠡ 744.2 ᠲᠦᠮᠡᠨ ᠲᠦᠬᠦᠷᠢᠭ ᠲᠠᠷᠬᠠᠭᠠᠪᠠ᠃ ᠤᠶᠢᠯᠡᠰ ᠪᠤᠰᠬᠠᠬᠤ | ᠰᠠᠭᠤᠷᠢᠨ ᠭᠠᠵᠠᠷ ᠢ ᠪᠠᠶᠢᠭᠤᠯᠤᠨ᠂ ᠦᠨᠳᠦᠰᠦᠳᠡᠨ ᠤ ᠭᠠᠷ ᠤᠷᠠᠯᠠᠯ ᠢ ᠵᠠᠯᠭᠠᠮᠵᠢᠯᠠᠬᠤ ᠪᠠ ᠬᠠᠰ ᠰᠡᠶᠢᠯᠦᠮᠡᠯ ᠤᠨ | ᠤᠶᠢᠯᠡᠰ ᠤᠨ ᠬᠦᠭᠵᠢᠯᠳᠡ ᠳᠤ ᠠᠰᠢᠭᠲᠠᠢ ᠨᠦᠬᠦᠴᠡᠯ ᠢ ᠪᠦᠷᠢᠯᠳᠦᠬᠦᠯᠪᠡ᠃ ᠭᠠᠳᠠᠭᠠᠳᠤ ᠠᠷᠠᠯᠵᠢᠶᠠᠨ ᠤ | ᠭᠠᠷᠭᠠᠯᠳᠠ ᠶᠢᠨ ᠲᠤᠭ᠎ᠠ ᠨᠡᠶᠢᠳᠡ 2248 ᠲᠦᠮᠡᠨ ᠳ᠋ᠤᠯᠯᠠᠷ ᠲᠤ ᠬᠦᠷᠪᠡ᠃ ᠮᠦᠩᠬᠦᠨ ᠬᠦᠢᠯᠬᠡᠬᠡ᠂ ᠲᠠᠭᠠᠳᠬᠠᠯ᠂ | ᠪᠤᠳᠠᠰ ᠤᠨ ᠬᠦᠢᠯᠬᠡᠬᠡ ᠵᠡᠷᠬᠡ ᠣᠳᠣᠬᠢᠴᠢᠯᠠᠭᠰᠠᠨ ᠤᠶᠢᠯᠡᠴᠢᠯᠡᠬᠡᠨ ᠤ ᠤᠶᠢᠯᠡᠰ ᠦᠷᠨᠢᠬᠦᠨ ᠬᠦᠭᠵᠢᠵᠦ᠂ | ᠲᠤᠮᠳᠠᠳᠤ ᠤᠯᠤᠰ ᠤᠨ ᠪᠦᠳᠦᠬᠡᠨ ᠪᠠᠶᠢᠭᠤᠯᠤᠯᠳᠠ ᠶᠢᠨ ᠪᠠᠩᠬᠢ ᠶᠢᠨ ᠠᠯᠠᠱᠠ ᠳᠠᠬᠢ ᠬᠤᠪᠢᠶᠠᠷᠢ ᠪᠠᠩᠬᠢ᠂ | ᠪᠤᠭᠤᠳᠤ ᠶᠢᠨ ᠬᠤᠳᠠᠯᠳᠤᠭᠠᠨ ᠤ ᠪᠠᠩᠬᠢ ᠶᠢᠨ ᠠᠯᠠᠱᠠ ᠳᠠᠬᠢ ᠬᠤᠪᠢᠶᠠᠷᠢ ᠪᠠᠩᠬᠢ᠂ ᠲᠠᠷᠢᠶᠠᠯᠠᠩ ᠤᠨ | ᠬᠤᠳᠠᠯᠳᠤᠭᠠᠨ ᠤ ᠪᠠᠩᠬᠢ᠂ ᠹᠠᠩ ᠳ᠋ᠠ ᠬᠦᠳᠡᠭᠡ ᠲᠤᠰᠬᠤᠨ ᠤ ᠪᠠᠩᠬᠢ᠂ ᠵᠦᠩ ᠬᠤᠸᠠ ᠬᠠᠮᠳᠤᠷᠠᠭᠰᠠᠨ ᠲᠠᠭᠠᠳᠬᠠᠯ | ᠤᠨ ᠺᠤᠮᠫᠠᠨᠢ᠂ ᠰᠢᠨ ᠬᠤᠸᠠ ᠠᠮᠢ ᠨᠠᠰᠤᠨ ᠤ ᠲᠠᠭᠠᠳᠬᠠᠯ ᠵᠡᠷᠬᠡ ᠮᠦᠩᠬᠦᠨ ᠬᠦᠢᠯᠬᠡᠬᠡ ᠲᠠᠭᠠᠳᠬᠠᠯ ᠤᠨ | ᠪᠠᠶᠢᠭᠤᠯᠤᠮᠵᠢ ᠪᠠᠶᠢᠭᠤᠯᠤᠭᠳᠠᠨ ᠡᠵᠡᠩᠨᠡᠯᠳᠡ ᠳᠤ ᠤᠷᠤᠵᠤ᠂ ᠪᠠᠶᠠᠨᠬᠤᠳᠠ ᠶᠢᠨ ᠪᠤᠳᠠᠰ ᠤᠨ ᠭᠦᠢᠯᠬᠡᠬᠡᠨ ᠤ | ᠳᠤᠭᠤᠷᠢᠭ᠂ ᠲᠠᠢ ᠰᠢ ᠶᠢᠨ ᠪᠤᠳᠠᠰ ᠤᠨ ᠭᠦᠢᠯᠬᠡᠬᠡᠨ ᠤ ᠳᠤᠭᠤᠷᠢᠭ ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠪᠠ | ᠃ ᠭᠠᠵᠠᠷ ᠰᠢᠨᠵᠢᠯᠡᠬᠡᠨ ᠤ ᠬᠠᠶᠢᠨ ᠪᠠᠶᠢᠴᠠᠭᠠᠯᠳᠠ ᠶᠢᠨ ᠠᠵᠢᠯ ᠰᠢᠨ᠎ᠡ ᠰᠢᠪᠳᠤᠯᠤᠯᠳᠠ ᠶᠢ ᠪᠡᠶᠡᠯᠡᠬᠦᠯᠦᠨ᠂ | ᠨᠡᠬᠦᠷᠡᠰᠦᠨ ᠤ ᠬᠠᠳᠠᠭᠠᠯᠠᠭᠳᠠᠴᠠ 22.6 ᠳ᠋ᠦᠩᠰᠢᠭᠤᠷ ᠲᠤᠨ᠂ ᠲᠡᠮᠦᠷ ᠤᠨ ᠬᠦᠳᠡᠷ ᠤᠨ ᠬᠠᠳᠠᠭᠠᠯᠠᠭᠳᠠᠴᠠ 1. | 3 ᠳ᠋ᠦᠩᠰᠢᠭᠤᠷ ᠲᠤᠨ᠂ ᠠᠯᠳᠠᠨ ᠤ ᠬᠦᠳᠡᠷ ᠤᠨ ᠬᠠᠳᠠᠭᠠᠯᠠᠭᠳᠠᠴᠠ 40 ᠲᠦᠮᠡᠨ ᠲᠤᠨ᠂ ᠲᠡᠮᠦᠷᠯᠢᠭ ᠪᠤᠰᠤ | ᠠᠭᠤᠷᠬᠠᠢ ᠶᠢᠨ ᠬᠠᠳᠠᠭᠠᠯᠠᠭᠳᠠᠴᠠ 37.4 ᠳ᠋ᠦᠩᠰᠢᠭᠤᠷ ᠲᠤᠨ ᠰᠢᠨ᠎ᠡ ᠪᠠᠷ ᠨᠡᠮᠡᠭᠳᠡᠨ᠂ ᠡᠬᠢ ᠪᠠᠶᠠᠯᠢᠭ ᠤᠨ | ᠪᠠᠳᠤᠯᠠᠭᠠᠨ ᠤ ᠴᠢᠳᠠᠪᠤᠷᠢ ᠢᠯᠡᠷᠬᠡᠢ ᠴᠢᠩᠭᠠᠷᠠᠪᠠ᠃ | ᠬᠤᠳᠠ ᠪᠠᠯᠭᠠᠰᠤᠨ ᠤ ᠲᠦᠷᠢ ᠪᠠᠶᠢᠳᠠᠯ ᠶᠡᠭᠡ ᠪᠠᠷ ᠦᠬᠡᠷᠡᠴᠢᠯᠡᠭᠳᠡᠪᠡ᠃ ᠪᠠᠶᠠᠨᠬᠤᠳᠠ ᠵᠢᠴᠢ ᠡᠯ᠎ᠡ ᠰᠤᠮᠤ ᠪᠠᠯᠭᠠᠰᠤᠨ | ᠤ ᠶᠡᠷᠦᠩᠬᠡᠢ ᠲᠦᠯᠦᠪᠵᠢᠬᠦᠯᠬᠡ᠂ ᠬᠢᠵᠠᠭᠠᠷᠯᠠᠬᠤ ᠴᠢᠨᠠᠷᠲᠠᠢ ᠨᠠᠷᠢᠨ ᠲᠦᠯᠦᠪᠵᠢᠬᠦᠯᠬᠡ ᠵᠡᠷᠬᠡ 46 ᠲᠦᠯᠦᠪᠵᠢᠬᠦᠯᠬᠡ | ᠶᠢ ᠦᠨᠳᠦᠷ ᠪᠠᠷᠢᠮᠵᠢᠶ᠎ᠠ ᠪᠠᠷ ᠨᠠᠶᠢᠷᠠᠭᠤᠯᠤᠨ ᠵᠤᠬᠢᠶᠠᠵᠤ᠂ ᠲᠦᠯᠦᠪᠵᠢᠬᠦᠯᠬᠡ ᠶᠢᠨ ᠲᠤᠬᠢᠷᠠᠭᠤᠯᠤᠨ ᠡᠵᠡᠮᠰᠢᠬᠦ | ᠦᠢᠯᠡᠳᠦᠯ ᠢᠯᠡᠷᠬᠡᠢ ᠴᠢᠩᠭᠠᠷᠠᠪᠠ᠃ 92 ᠭᠤᠤᠯᠳᠠᠯᠭ᠎ᠠ ᠲᠠᠢ ᠬᠤᠳᠠ ᠶᠢᠨ ᠪᠦᠳᠦᠬᠡᠨ ᠪᠠᠶᠢᠭᠤᠯᠤᠯᠳᠠ ᠶᠢᠨ | ᠲᠦᠷᠦᠯ ᠵᠤᠶᠢᠯ ᠢ ᠬᠡᠷᠡᠭᠵᠢᠬᠦᠯᠵᠦ᠂ ᠨᠡᠶᠢᠳᠡ 88.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠪᠡ᠃ ᠪᠠᠶᠠᠨᠬᠤᠳᠠ ᠶᠢᠨ ᠪᠦᠳᠦᠬᠡᠨ ᠪᠠᠶᠢᠭᠤᠯᠤᠭᠰᠠᠨ ᠲᠠᠯᠠᠪᠠᠢ 27 ᠲᠡᠭᠰᠢ ᠲᠦᠷᠪᠡᠯᠵᠢᠨ ᠺᠢᠯᠤᠮᠧᠲᠷ | ᠪᠠᠶᠢᠭᠰᠠᠨ ᠠᠴᠠ ᠪᠠᠨ ᠦᠷᠬᠡᠵᠢᠬᠡᠳ 42.5 ᠲᠡᠭᠰᠢ ᠲᠦᠷᠪᠡᠯᠵᠢᠨ ᠺᠢᠯᠤᠮᠧᠲᠷ ᠪᠤᠯᠵᠤ᠂ ᠬᠤᠳᠠ ᠶᠢᠨ ᠨᠤᠭᠤᠭᠠᠨ | ᠬᠦᠷᠦᠰᠦ 432 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠪᠡ᠃ ᠬᠤᠸᠠᠷᠠᠨ ᠤ ᠰᠢᠯᠢ ᠶᠢᠨ | ᠦᠵᠡᠮᠵᠢ ᠶᠢᠨ ᠴᠡᠴᠡᠷᠯᠢᠭ᠂ ᠠᠮᠢ ᠠᠬᠤᠢ ᠶᠢᠨ ᠬᠦᠷᠢᠶᠡᠯᠡᠩ᠂ ᠬᠤᠯᠠᠳᠠᠬᠢᠨ ᠢ ᠲᠤᠭᠳᠠᠭᠠᠭᠴᠢ ᠬᠤᠷᠢᠶ᠎ᠠ ᠶᠢᠨ | ᠬᠠᠭᠤᠴᠢᠨ ᠬᠤᠳᠠ ᠶᠢ ᠬᠠᠮᠠᠭᠠᠯᠠᠨ ᠵᠠᠰᠠᠬᠤ ᠨᠢᠬᠡᠳᠦᠬᠡᠷ ᠬᠤᠭᠤᠴᠠᠭᠠᠨ ᠤ ᠢᠨᠵᠧᠨᠧᠷᠢᠩ ᠵᠡᠷᠬᠡ ᠨᠢᠬᠡ ᠪᠦᠯᠦᠭ | ᠦᠪᠡᠷᠮᠢᠴᠡ ᠤᠨᠴᠠᠯᠢᠭ ᠲᠤᠪᠤᠶᠢᠮ᠎ᠠ ᠲᠦᠯᠦᠬᠡᠯᠡᠬᠦ ᠴᠢᠨᠠᠷᠲᠠᠢ ᠢᠨᠵᠧᠨᠧᠷᠢᠩ ᠪᠠᠶᠢᠭᠤᠯᠤᠭᠳᠠᠨ ᠨᠡᠶᠢᠳᠡ ᠶᠢᠨ | ᠬᠡᠷᠡᠭᠯᠡᠯᠳᠡ ᠳᠤ ᠤᠷᠤᠪᠠ᠃ ᠪᠠᠶᠠᠨᠬᠤᠳᠠ ᠶᠢᠨ ᠵᠡᠬᠡᠯᠢ ᠶᠢᠨ ᠦᠵᠡᠮᠵᠢ ᠶᠢ ᠭᠤᠶᠤᠵᠢᠭᠤᠯᠬᠤ᠂ ᠬᠡᠷᠡᠯᠳᠦᠬᠦᠯᠬᠦ | ᠢᠨᠵᠧᠨᠧᠷᠢᠩ ᠢ ᠬᠡᠷᠡᠭᠵᠢᠬᠦᠯᠦᠨ᠂ ᠬᠤᠳᠠ ᠶᠢᠨ ᠦᠵᠡᠮᠵᠢ ᠭᠤᠶᠢᠳᠠ ᠰᠠᠶᠢᠬᠠᠨ ᠪᠤᠯᠪᠠ᠃ ᠲᠦᠪᠯᠡᠷᠡᠬᠦᠯᠦᠨ | ᠢᠯᠴᠢ ᠬᠠᠩᠭᠠᠬᠤ᠂《 ᠪᠠᠶᠢᠭᠠᠯᠢ ᠶᠢᠨ ᠰᠢᠳᠠᠮᠠᠬᠠᠢ ᠬᠡᠢ ᠶᠢ ᠪᠠᠶᠠᠨᠬᠤᠳᠠ ᠳᠤ ᠤᠷᠤᠭᠤᠯᠬᠤ》᠂ ᠤᠰᠤ | ᠲᠠᠮᠵᠢᠭᠤᠯᠬᠤ ᠬᠤᠭᠤᠯᠠᠢ ᠶᠢᠨ ᠦᠭᠡᠷᠡᠴᠢᠯᠡᠯᠳᠡ ᠵᠡᠷᠬᠡ ᠬᠤᠳᠠ ᠶᠢᠨ ᠶᠠᠪᠤᠳᠠᠯ ᠤᠨ ᠢᠵᠢ ᠪᠦᠷᠢᠳᠦᠭᠰᠡᠨ | ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠠᠰᠢᠭᠯᠠᠯᠳᠠ ᠳᠤ ᠤᠷᠤᠪᠠ᠃ 53.5 ᠲᠦᠮᠡᠨ ᠲᠡᠭᠰᠢ ᠲᠦᠷᠪᠡᠯᠵᠢᠨ | ᠮᠧᠲᠷ ᠤᠨ ᠠᠶᠤᠯᠳᠠᠢ ᠬᠠᠭᠤᠴᠢᠨ ᠬᠡᠷ ᠪᠠᠶᠢᠰᠢᠩ ᠢ ᠨᠤᠷᠠᠭᠠᠵᠤ᠂ ᠲᠦᠬᠦᠬᠡᠷᠦᠮᠵᠢ ᠪᠦᠷᠢᠨ᠂ ᠴᠢᠳᠠᠪᠬᠢ ᠲᠦᠬᠦᠷ | 69 ᠰᠠᠭᠤᠷᠢ ᠤᠷᠤᠨ ᠰᠠᠭᠤᠴᠠ ᠶᠢᠨ ᠪᠠᠭ᠎ᠠ ᠲᠤᠭᠤᠷᠢᠭ ᠢ ᠪᠠᠶᠢᠭᠤᠯᠪᠠ᠃ ᠦᠯᠵᠡᠢ ᠵᠠᠮ᠂ ᠸᠠᠩ ᠤᠨ | ᠤᠷᠳᠤᠨ ᠤ ᠵᠡᠬᠡᠯᠢ᠂ ᠬᠤᠳᠠ ᠲᠤᠭᠤᠷᠢᠬᠤ ᠬᠤᠶᠢᠳᠤ ᠵᠠᠮ ᠢ ᠦᠬᠡᠷᠡᠴᠢᠯᠡᠨ ᠪᠠᠶᠢᠭᠤᠯᠵᠤ᠂ ᠰᠢᠯᠢ ᠶᠢᠨ ᠡᠮᠦᠨ᠎ᠡ | ᠵᠠᠮ᠂ ᠶᠠᠪᠠᠷᠠᠢ ᠪᠠᠷᠠᠭᠤᠨ ᠵᠠᠮ᠂ ᠡᠮᠦᠨ᠎ᠡ ᠭᠠᠳᠠᠨ᠎ᠠ ᠲᠤᠭᠤᠷᠢᠯᠳᠠ ᠶᠢᠨ ᠵᠠᠮ ᠵᠡᠷᠬᠡ ᠬᠤᠳᠠ ᠶᠢᠨ ᠭᠤᠤᠯ ᠵᠠᠮ ᠢ | ᠰᠢᠨ᠎ᠡ ᠪᠠᠷ ᠪᠠᠶᠢᠭᠤᠯᠵᠤ᠂《 ᠵᠢᠷᠭᠤᠭᠠᠨ ᠭᠦᠨᠳᠡᠯᠡᠨ ᠵᠢᠷᠭᠤᠭᠠᠨ ᠭᠤᠤᠯᠳᠤ》 ᠬᠤᠳᠠ ᠶᠢᠨ ᠵᠠᠮ ᠬᠠᠷᠢᠯᠴᠠᠭᠠᠨ | ᠤ ᠪᠤᠷᠤ ᠲᠦᠯᠦᠪ ᠤᠯᠠᠮ ᠨᠢᠬᠡ ᠠᠯᠬᠤᠮ ᠰᠢᠯᠢᠳᠡᠭᠵᠢᠨ᠂ ᠬᠤᠳᠠ ᠶᠢᠨ ᠵᠠᠮ ᠤᠨ ᠪᠦᠬᠦ ᠤᠷᠳᠤ ᠨᠢ 123.7 | ᠺᠢᠯᠤᠮᠧᠲᠷ ᠪᠤᠯᠵᠤ᠂ ᠬᠤᠳᠠ ᠶᠢᠨ ᠴᠢᠨᠠᠷ ᠲᠡᠰ ᠪᠤᠯᠤᠨ ᠤᠶᠢᠯᠡᠴᠢᠯᠡᠬᠡᠨ ᠤ ᠴᠢᠳᠠᠪᠤᠷᠢ ᠶᠡᠭᠡ ᠬᠡᠮᠵᠢᠶ᠎ᠡ ᠪᠠᠷ | ᠲᠡᠭᠡᠭᠰᠢᠯᠡᠪᠡ᠃ ᠵᠢᠷᠠᠳᠠᠢ᠂ ᠲᠡᠭᠷᠢ᠂ ᠤᠯᠠᠨᠪᠤᠯᠠᠭ ᠵᠡᠷᠬᠡ 10 ᠰᠤᠮᠤ ᠪᠠᠯᠭᠠᠰᠤᠨ ᠤ ᠰᠠᠭᠤᠷᠢ ᠲᠦᠬᠦᠬᠡᠷᠦᠮᠵᠢ | ᠶᠢᠨ ᠪᠦᠳᠦᠬᠡᠨ ᠪᠠᠶᠢᠭᠤᠯᠤᠯᠳᠠ ᠴᠢᠩᠭᠠᠷᠠᠪᠠ᠃ ᠬᠤᠳᠠ ᠶᠢᠨ ᠨᠠᠷᠢᠯᠢᠭ ᠬᠠᠮᠢᠶᠠᠷᠤᠯᠳᠠ ᠶᠢ ᠬᠡᠷᠡᠭᠵᠢᠬᠦᠯᠦᠨ᠂《 | ᠵᠢᠷᠭᠤᠭ᠎ᠠ ᠶᠢ ᠨᠢᠬᠡ ᠴᠤᠭᠴᠠᠵᠢᠭᠤᠯᠬᠤ》ᠬᠠᠮᠢᠶᠠᠷᠤᠯᠳᠠ ᠶᠢᠨ ᠬᠡᠯᠪᠡᠷᠢ ᠶᠢ ᠬᠡᠷᠡᠭᠵᠢᠬᠦᠯᠦᠨ᠂ ᠶᠡᠷᠦᠩᠬᠡᠶᠢᠯᠡᠨ | ᠨᠢᠬᠡᠳᠦᠬᠦᠯᠦᠭᠰᠡᠨ᠂ ᠤᠶᠢᠯᠡᠳᠦᠯ ᠤᠯᠠᠨ᠂ ᠴᠢᠳᠠᠪᠬᠢ ᠪᠦᠷᠢᠨ ᠬᠤᠳᠠ ᠶᠢᠨ ᠬᠠᠮᠢᠶᠠᠷᠤᠯᠳᠠ ᠶᠢᠨ ᠰᠢᠰᠲ᠋ᠧᠮ ᠢ | ᠠᠩᠬ᠎ᠠ ᠠᠯᠬᠤᠮ ᠪᠦᠷᠢᠳᠦᠬᠦᠯᠪᠡ᠃ | ᠦᠬᠡᠷᠡᠴᠢᠯᠡᠯᠳᠡ ᠨᠡᠬᠡᠬᠡᠯᠳᠡ ᠢᠯᠡᠷᠬᠡᠢ ᠦᠷ᠎ᠡ ᠪᠦᠳᠦᠮᠵᠢ ᠤᠯᠪᠠ᠃ ᠡᠳ᠋ ᠤᠨ ᠵᠠᠰᠠᠭ ᠤᠨ ᠪᠠᠶᠢᠭᠤᠯᠤᠯ ᠤᠨ | ᠦᠬᠡᠷᠡᠴᠢᠯᠡᠯᠳᠡ ᠶᠢ ᠲᠡᠬᠦᠯᠳᠡᠷᠵᠢᠬᠦᠯᠵᠤ᠂ ᠤᠯᠤᠰ ᠤᠨ ᠦᠮᠴᠢᠯᠡᠯᠳᠦ ᠬᠦᠷᠦᠩᠬᠡ ᠶᠢᠨ ᠬᠢᠨᠠᠨ ᠬᠠᠮᠢᠶᠠᠷᠬᠤ | ᠲᠦᠷᠢᠮ ᠢ ᠪᠦᠷᠢᠨᠰᠢᠬᠦᠯᠦᠨ᠂《 ᠨᠢᠬᠡ ᠺᠠᠷᠲ ᠢᠶᠠᠷ ᠨᠡᠪᠳᠡᠷᠡᠬᠦᠯᠬᠦ 》ᠲᠦᠷᠢᠮ ᠤᠨ ᠦᠬᠡᠷᠡᠴᠢᠯᠡᠯᠳᠡ ᠶᠢ ᠪᠦᠬᠦ | ᠲᠠᠯ᠎ᠠ ᠪᠠᠷ ᠬᠡᠷᠡᠭᠵᠢᠬᠦᠯᠪᠡ᠃ ᠬᠡᠰᠡᠭ ᠰᠤᠮᠤ ᠪᠠᠯᠭᠠᠰᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠳᠤ | ᠲᠤᠬᠢᠷᠠᠭᠤᠯᠤᠯᠳᠠ ᠬᠢᠵᠦ᠂ ᠢᠩᠬᠡᠨ ᠪᠤᠯᠤᠨ ᠴᠤᠭᠳᠤᠬᠦ᠋ᠷᠢᠶ᠎ᠡ ᠰᠤᠮᠤ ᠶᠢ ᠰᠡᠷᠬᠦᠬᠡᠪᠡ᠃ ᠠᠵᠢᠯ ᠤᠶᠢᠯᠡᠰ ᠤᠨ | ᠨᠢᠬᠡᠴᠡ ᠶᠢᠨ ᠲᠦᠷᠦᠯ ᠬᠤᠪᠢᠶᠠᠭᠰᠠᠨ ᠦᠬᠡᠷᠡᠴᠢᠯᠡᠯᠳᠡ ᠪᠠ ᠠᠵᠢᠯᠳᠠᠨ ᠢ ᠬᠠᠮᠢᠶᠠᠷᠬᠤ ᠲᠦᠷᠢᠮ ᠤᠨ | ᠦᠬᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠠᠵᠢᠯ ᠤᠶᠢᠯᠡᠰ ᠤᠨ ᠨᠢᠬᠡᠴᠡ ᠶᠢᠨ ᠠᠵᠢᠯ ᠤᠨ ᠪᠠᠶᠢᠷᠢᠨ ᠤ | ᠦᠷ᠎ᠡ ᠪᠦᠳᠦᠮᠵᠢ ᠶᠢᠨ ᠴᠠᠯᠢᠩ ᠤᠨ ᠲᠦᠷᠢᠮ ᠢ ᠲᠡᠬᠦᠯᠳᠡᠷᠵᠢᠬᠦᠯᠦᠨ᠂ ᠠᠯᠪᠠᠳᠠᠨ ᠤ ᠲᠦᠷᠢᠮ ᠢ ᠯᠠᠪᠯᠠᠨ | ᠬᠡᠷᠡᠭᠵᠢᠬᠦᠯᠬᠦ ᠪᠠᠶᠢᠭᠤᠯᠭ᠎ᠠ ᠶᠢᠨ ᠬᠠᠮᠢᠶᠠᠷᠤᠯᠳᠠ ᠶᠢ ᠲᠦᠷᠢᠮᠵᠢᠬᠦᠯᠪᠡ᠃ ᠠᠵᠤ ᠠᠬᠤᠶᠢᠯᠠᠯ ᠤᠨ ᠨᠢᠬᠡ ᠢᠵᠢ | ᠬᠦᠰᠦᠨᠦᠭᠳᠦ ᠶᠢᠨ ᠦᠬᠡᠷᠡᠴᠢᠯᠡᠯᠳᠡ ᠪᠤᠯᠤᠨ ᠬᠠᠮᠳᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠢ | ᠪᠡᠶᠡᠯᠡᠬᠦᠯᠪᠡ᠃ ᠬᠤᠳᠠ ᠶᠢᠨ ᠶᠠᠪᠤᠳᠠᠯ ᠤᠨ ᠨᠡᠶᠢᠳᠡ ᠶᠢᠨ ᠬᠡᠷᠡᠭᠯᠡᠬᠡᠨ ᠤ ᠲᠦᠬᠦᠬᠡᠷᠦᠮᠵᠢ ᠶᠢᠨ ᠬᠠᠮᠢᠶᠠᠷᠤᠯᠳᠠ | ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠠᠬᠢᠭᠤᠯᠵᠤ᠂ ᠨᠡᠶᠢᠬᠡᠮ ᠤᠨ ᠪᠡᠯᠡ ᠮᠦᠩᠬᠦ ᠶᠢ ᠨᠡᠶᠢᠳᠡ ᠶᠢᠨ | ᠬᠡᠷᠡᠭᠯᠡᠬᠡᠨ ᠤ ᠲᠦᠬᠦᠬᠡᠷᠦᠮᠵᠢ ᠶᠢᠨ ᠪᠠᠶᠢᠭᠤᠯᠤᠯᠳᠠ ᠳᠤ ᠬᠡᠷᠡᠭᠯᠡᠬᠦ ᠶᠢ ᠬᠦᠳᠦᠯᠦᠨ ᠵᠢᠯᠤᠭᠤᠳᠪᠠ᠃ ᠤᠯᠤᠰ᠂ | ᠦᠪᠡᠷᠳᠡᠬᠡᠨ ᠵᠠᠰᠠᠬᠤ ᠤᠷᠤᠨ ᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠨᠡᠶᠢᠳᠠᠪᠤᠷᠢᠵᠢᠭᠤᠯᠤᠨ᠂ ᠲᠤᠮᠳᠠ ᠪᠠᠭ᠎ᠠ ᠠᠵᠤ ᠠᠬᠤᠶᠢᠯᠠᠯ ᠤᠨ ᠬᠦᠭᠵᠢᠯᠳᠡ ᠶᠢᠨ ᠤᠷᠴᠢᠨ ᠢ ᠰᠢᠯᠢᠳᠡᠭᠵᠢᠬᠦᠯᠵᠦ | ᠂ ᠲᠤᠮᠳᠠ ᠪᠠᠭ᠎ᠠ ᠠᠵᠤ ᠠᠬᠤᠶᠢᠯᠠᠯ ᠨᠢ ᠲᠤᠮᠤ ᠠᠵᠤ ᠠᠬᠤᠶᠢᠯᠠᠯ᠂ ᠲᠤᠮᠤ ᠲᠦᠷᠦᠯ ᠵᠤᠶᠢᠯ ᠤᠨ ᠲᠤᠭᠤᠷᠢᠨ ᠳᠤ | ᠢᠵᠢ ᠪᠦᠷᠢᠳᠦᠬᠦᠯᠦᠨ ᠬᠠᠮᠳᠤᠷᠠᠵᠤ᠂ ᠲᠤᠰᠬᠠᠶᠢᠵᠢᠬᠤ᠂ ᠨᠡᠷᠢᠯᠢᠭ᠌ᠵᠢᠬᠤ᠂ ᠤᠨᠴᠠ᠂ ᠰᠢᠨ᠎ᠡ ᠬᠡᠯᠪᠡᠷᠢ ᠵᠦᠭ | ᠬᠦᠭᠵᠢᠬᠦ ᠶᠢ ᠵᠤᠷᠢᠭᠵᠢᠭᠤᠯᠵᠤ᠂ ᠲᠤᠮᠳᠠ ᠪᠠᠭ᠎ᠠ ᠠᠵᠤ ᠠᠬᠤᠶᠢᠯᠠᠯ ᠳᠤ ᠨᠡᠶᠢᠳᠡ 4 ᠳ᠋ᠦᠩᠰᠢᠭᠤᠷ ᠲᠦᠬᠦᠷᠢᠭ | ᠤᠨ ᠵᠢᠬᠡᠯᠡᠯᠬᠡ ᠶᠢ ᠬᠠᠩᠭᠠᠨ᠂ ᠲᠤᠮᠳᠠ ᠪᠠᠭ᠎ᠠ ᠠᠵᠤ ᠠᠬᠤᠶᠢᠯᠠᠯ ᠤᠨ ᠪᠡᠯᠡ ᠮᠦᠩᠬᠦ ᠬᠤᠷᠠᠮᠳᠤᠭᠤᠯᠬᠤ ᠬᠦᠴᠢᠷᠳᠡᠯ | ᠢ ᠪᠦᠳᠦᠮᠵᠢᠳᠡᠢ ᠰᠢᠢᠳᠪᠦᠷᠢᠯᠡᠪᠡ᠃ ᠮᠠᠨ ᠤ ᠬᠤᠰᠢᠭᠤᠨ ᠤ ᠡᠯᠪᠡᠭ ᠪᠠᠶᠠᠯᠢᠭ ᠪᠠᠶᠢᠭᠠᠯᠢ ᠶᠢᠨ ᠡᠬᠢ ᠪᠠᠶᠠᠯᠢᠭ | ᠪᠤᠯᠤᠨ ᠠᠭᠤᠷᠬᠠᠢ ᠶᠢᠨ ᠡᠬᠢ ᠪᠠᠶᠠᠯᠢᠭ ᠲᠤ ᠲᠦᠰᠢᠭᠯᠡᠨ᠂《 ᠭᠠᠳᠠᠭᠰᠢ ᠭᠠᠷᠴᠤ᠂ ᠤᠷᠢᠵᠤ | ᠠᠪᠴᠢᠷᠠᠬᠤ》ᠵᠡᠷᠬᠡ ᠠᠷᠭ᠎ᠠ ᠪᠠᠷᠢᠯ ᠢ ᠬᠡᠷᠡᠭᠯᠡᠨ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠶᠢ | ᠶᠡᠭᠡ ᠪᠠᠷ ᠦᠷᠨᠢᠬᠦᠯᠪᠡ᠃ ᠪᠦᠯᠬᠦᠮ ᠪᠠᠶᠢᠭᠤᠯᠤᠨ ᠦᠪᠦᠷ ᠮᠤᠩᠭᠤᠯ᠂ ᠰᠢᠶᠠᠩᠭᠠᠩ ᠤᠨ ᠠᠷᠠᠯᠵᠢᠶ᠎ᠠ | ᠬᠤᠳᠠᠯᠳᠤᠭᠠᠨ ᠤ ᠬᠠᠮᠳᠤᠷᠠᠨ ᠠᠵᠢᠯᠯᠠᠬᠤ ᠭᠠᠷᠠᠭ᠂ ᠭᠤᠸᠠᠩᠵᠸᠤ ᠶᠢᠨ ᠰᠣᠯᠢᠯᠴᠠᠭᠠᠨ ᠤ ᠬᠤᠷᠠᠯ ᠵᠡᠷᠬᠡ | ᠴᠢᠬᠤᠯᠠ ᠶᠡᠭᠡ ᠠᠷᠠᠯᠵᠢᠶ᠎ᠠ ᠬᠤᠳᠠᠯᠳᠤᠭᠠᠨ ᠤ ᠠᠵᠢᠯᠯᠠᠭᠠᠨ ᠳᠤ ᠤᠷᠤᠯᠴᠠᠨ᠂ ᠲᠤᠮᠳᠠ ᠵᠡᠬᠦᠨ ᠬᠡᠰᠡᠭ ᠭᠠᠵᠠᠷ | ᠤᠷᠤᠨ ᠤ ᠠᠵᠤ ᠤᠶᠢᠯᠡᠰ ᠤᠨ ᠰᠢᠯᠵᠢᠯᠳᠡ ᠶᠢ ᠢᠳᠡᠪᠬᠢᠳᠡᠢ ᠲᠤᠰᠤᠨ ᠠᠪᠴᠤ᠂ ᠳ᠋ᠦᠨ ᠠᠨ ᠪᠦᠯᠦᠭᠯᠡᠯ᠂ ᠬᠠᠢ | ᠲᠧ ᠪᠦᠯᠦᠭᠯᠡᠯ᠂ ᠮᠧᠩ ᠨᠧᠩ ᠭᠦᠸᠧ ᠵᠢᠢ᠂ ᠲᠢᠶᠡᠨᠵᠢᠨ ᠤ ᠶᠠ ᠳ᠋ᠦᠩ ᠵᠡᠷᠬᠡ ᠨᠢᠬᠡ ᠪᠦᠯᠦᠭ ᠲᠤᠮᠤ ᠺᠤᠮᠫᠠᠨᠢ᠂ | ᠲᠤᠮᠤ ᠪᠦᠯᠦᠭᠯᠡᠯ ᠬᠤᠶᠢᠨ᠎ᠠ ᠬᠤᠶᠢᠨ᠎ᠠ ᠠᠴᠠ ᠪᠠᠨ ᠤᠷᠤᠵᠤ ᠢᠷᠡᠪᠡ᠃ ᠭᠡᠷ᠎ᠡ ᠲᠤᠭᠳᠠᠭᠰᠠᠨ ᠲᠦᠷᠦᠯ ᠵᠤᠶᠢᠯ 95 | ᠪᠠᠶᠢᠵᠤ᠂ ᠬᠡᠯᠡᠯᠴᠡᠬᠡᠷ ᠤᠨ ᠪᠡᠯᠡ ᠮᠦᠩᠬᠦ 4573 ᠳ᠋ᠦᠩᠰᠢᠭᠤᠷ ᠲᠦᠬᠦᠷᠢᠭ ᠪᠠᠶᠢᠵᠤ᠂ ᠪᠦᠳᠦᠬᠡᠨ ᠪᠠᠶᠢᠭᠤᠯᠵᠤ | ᠡᠬᠢᠯᠡᠭᠰᠡᠨ ᠲᠦᠷᠦᠯ ᠵᠤᠶᠢᠯ 68 ᠪᠠᠶᠢᠵᠤ᠂ ᠶᠡᠷᠦᠩᠬᠡᠢ ᠪᠡᠯᠡ ᠤᠷᠤᠭᠤᠯᠤᠯᠳᠠ 518 ᠳ᠋ᠦᠩᠰᠢᠭᠤᠷ ᠲᠦᠬᠦᠷᠢᠭ | ᠲᠤ ᠬᠦᠷᠴᠦ᠂ ᠪᠤᠳᠠᠳᠠᠢ 102.5 ᠳ᠋ᠦᠩᠰᠢᠭᠤᠷ ᠲᠦᠬᠦᠷᠢᠭ ᠪᠡᠯᠡ ᠤᠷᠤᠭᠤᠯᠤᠯᠳᠠ ᠶᠢ ᠪᠡᠶᠡᠯᠡᠬᠦᠯᠦᠨ᠂ | ᠭᠠᠳᠠᠭᠠᠳᠤ ᠪᠡᠯᠡ ᠶᠢ 1263 ᠲᠦᠮᠡᠨ ᠳ᠋ᠤᠯᠯᠠᠷ ᠠᠰᠢᠭᠯᠠᠪᠠ᠃ ᠭᠠᠳᠠᠭᠠᠳᠤ ᠬᠠᠮᠳᠤᠷᠠᠯᠴᠠᠭ᠎ᠠ ᠰᠤᠯᠢᠯᠴᠠᠭᠠᠨ ᠤ | ᠬᠦᠷᠢᠶ᠎ᠡ ᠬᠡᠪᠴᠢᠶ᠎ᠡ ᠲᠠᠰᠤᠷᠠᠯᠳᠠ ᠦᠬᠡᠢ ᠦᠷᠬᠡᠳᠦᠨ᠂ ᠨᠢᠩᠰᠢᠶᠠ᠂ ᠦᠪᠦᠷ ᠮᠤᠩᠭᠤᠯ᠂ ᠱᠠᠨᠰᠢ᠂ ᠭᠠᠨᠰᠤ ᠵᠡᠷᠬᠡ | ᠬᠦᠷᠰᠢ ᠤᠷᠤᠨ ᠤ ᠬᠠᠮᠳᠤᠷᠠᠯᠴᠠᠭ᠎ᠠ ᠰᠤᠯᠢᠯᠴᠠᠭ᠎ᠠ ᠨᠡᠩ ᠨᠢᠭᠳᠠ ᠪᠤᠯᠪᠠ᠃ ᠦᠯᠵᠡᠢ ᠪᠤᠭᠤᠮᠳᠠ ᠶᠢ | ᠨᠡᠬᠡᠬᠡᠭᠳᠡᠬᠦᠯᠬᠦ ᠪᠠᠷ ᠭᠤᠶᠤᠴᠢᠯᠠᠨ ᠮᠡᠳᠡᠬᠦᠯᠬᠦ ᠠᠵᠢᠯ ᠰᠢᠪᠳᠤᠯᠤᠯᠳᠠ ᠶᠢᠨ ᠴᠢᠨᠠᠷᠳᠠᠢ ᠠᠬᠢᠴᠠ ᠲᠠᠢ ᠪᠤᠯᠵᠤ᠂ ᠮᠠᠨ | ᠤ ᠤᠯᠤᠰ ᠤᠨ ᠲᠤᠰ ᠵᠢᠯ ᠤᠨ ᠬᠢᠨᠠᠨ ᠵᠦᠪᠰᠢᠶᠡᠷᠡᠬᠦᠯᠬᠦ ᠲᠦᠯᠦᠪᠯᠡᠬᠡᠨ ᠳᠤ ᠤᠷᠤᠵᠤ᠂ ᠲᠦᠷᠪᠡᠨ ᠡᠬᠡᠯᠵᠢ | ᠶᠢᠨ ᠲᠤᠮᠳᠠᠳᠤ ᠮᠤᠩᠭᠤᠯ ᠤᠨ ᠭᠠᠳᠠᠭᠠᠳᠤ ᠬᠠᠷᠢᠯᠴᠠᠭᠠᠨ ᠤ ᠶᠠᠮᠤᠨ ᠤ ᠵᠤᠷᠭᠠᠨ ᠤ ᠲᠡᠰ ᠤᠨ ᠬᠡᠯᠡᠯᠴᠡᠬᠡᠷ | ᠢᠶᠠᠷ ᠲᠠᠮᠵᠢᠨ ᠬᠠᠮᠳᠤ ᠶᠢᠨ ᠲᠠᠨᠢᠯᠳᠠ ᠲᠠᠢ ᠪᠤᠯᠤᠭᠰᠠᠨ ᠤ ᠬᠠᠮᠳᠤ ᠪᠤᠭᠤᠮᠳᠠ ᠪᠠᠷ ᠲᠦᠷ ᠴᠠᠭ ᠤᠨ ᠪᠠᠷᠠᠭ᠎ᠠ | ᠦᠩᠭᠡᠷᠡᠪᠠ᠃ | ᠬᠦᠭᠵᠢᠯᠳᠡ ᠶᠢᠨ ᠤᠷᠴᠢᠨ ᠲᠤᠭᠤᠷᠢᠨ ᠤᠯᠠᠮ ᠰᠢᠯᠢᠳᠡᠭᠵᠢᠪᠡ᠃ ᠬᠠᠳᠤᠨ ᠭᠤᠤᠯ ᠤᠨ ᠬᠠᠶᠢᠷᠤᠪ ᠤᠨ ᠳᠤᠬᠤᠢ | ᠶᠢᠨ ᠣᠰᠣᠨ ᠠᠰᠢᠭᠯᠠᠯᠳᠠ ᠶᠢᠨ ᠵᠠᠩᠬᠢᠯᠠᠭ᠎ᠠ ᠢᠨᠵᠧᠨᠧᠷᠢᠩ ᠤᠨ ᠨᠡᠬᠦᠳᠡᠯ ᠠᠷᠠᠳ ᠢ ᠰᠢᠯᠵᠢᠬᠦᠯᠵᠦ | ᠲᠦᠪᠬᠢᠨᠡᠬᠦᠯᠬᠦ ᠠᠵᠢᠯ ᠢ ᠪᠡᠶᠡᠯᠡᠬᠦᠯᠪᠡ᠃ ᠪᠦᠬᠦ ᠬᠤᠰᠢᠭᠤᠨ ᠤ ᠬᠦᠴᠦᠨ ᠢ ᠲᠦᠪᠯᠡᠷᠡᠬᠦᠯᠦᠨ᠂ ᠬᠦᠨ ᠴᠢᠬᠤᠯᠠ | ᠠᠴᠢ ᠬᠤᠯᠪᠤᠭᠳᠠᠯ ᠪᠦᠬᠦᠢ ᠬᠠᠳᠤᠨ ᠭᠤᠤᠯ ᠤᠨ ᠦᠪᠦᠷ ᠮᠤᠩᠭᠤᠯ ᠤᠨ ᠬᠦᠢᠪᠦᠷᠢ ᠶᠢᠨ ᠦᠶᠡᠷ ᠤᠰᠤᠳᠤᠯ ᠢ | ᠰᠡᠷᠬᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠦᠶᠡᠷ ᠰᠠᠯᠭᠠᠬᠤ ᠢᠨᠵᠧᠨᠧᠷᠢᠩ ᠢ ᠬᠡᠷᠡᠭᠵᠢᠬᠦᠯᠵᠦ᠂ ᠦᠪᠡᠷᠳᠡᠬᠡᠨ | ᠵᠠᠰᠠᠬᠤ ᠤᠷᠤᠨ ᠠᠴᠠ ᠮᠠᠨ ᠤ ᠬᠤᠰᠢᠭᠤᠨ ᠳᠤ《 ᠦᠶᠡᠷ ᠲᠠᠢ ᠲᠡᠮᠡᠴᠡᠵᠦ ᠭᠠᠮᠰᠢᠭ ᠠᠴᠠ ᠠᠪᠤᠷᠠᠭᠰᠠᠨ | ᠲᠡᠷᠢᠬᠦᠨ ᠤ ᠬᠠᠮᠳᠤ 》 ᠶᠢᠨ ᠢᠷᠡᠭᠤ ᠠᠯᠳᠠᠷ ᠢ ᠤᠯᠭᠤᠭᠰᠠᠨ ᠪᠠᠶᠢᠨ᠎ᠠ᠃ ᠪᠠᠶᠠᠨᠬᠤᠳᠠ ᠵᠢᠴᠢ ᠵᠠᠮ ᠲᠠᠭᠠᠤ ᠰᠤᠮᠤ | ᠪᠠᠯᠭᠠᠰᠤᠨ ᠤ ᠠᠮᠤᠷ ᠲᠦᠪᠰᠢᠨ ᠤᠤᠭᠤᠬᠤ ᠣᠰᠣᠨ ᠤ ᠢᠨᠵᠧᠨᠧᠷᠢᠩ ᠢ ᠡᠬᠢᠯᠡᠬᠦᠯᠪᠡ᠃ 45 ᠲᠦᠷᠦᠯ ᠤᠨ | ᠬᠦᠮᠦᠨ ᠮᠠᠯ ᠤᠨ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ᠂ 10 ᠲᠦᠷᠦᠯ ᠤᠨ ᠠᠶᠤᠯᠳᠠᠢ | ᠤᠰᠤᠨ ᠴᠦᠬᠦᠷᠦᠮ ᠢ ᠪᠠᠬᠢᠵᠢᠬᠦᠯᠬᠦ ᠢᠨᠵᠧᠨᠧᠷᠢᠩ ᠢ ᠬᠡᠷᠡᠭᠵᠢᠬᠦᠯᠦᠨ᠂ 5.8 ᠲᠦᠮᠡᠨ ᠬᠦᠮᠦᠨ ᠪᠤᠯᠤᠨ 12.5 | ᠲᠦᠮᠡᠨ ᠲᠤᠯᠤᠭᠠᠢ ᠮᠠᠯ ᠤᠨ ᠠᠮᠤᠷ ᠲᠦᠪᠰᠢᠨ ᠤᠤᠭᠤᠬᠤ ᠤᠰᠤᠨ ᠤ ᠠᠰᠠᠭᠤᠳᠠᠯ ᠢ ᠰᠢᠢᠳᠪᠦᠷᠢᠯᠡᠪᠡ᠃ 1 | ᠰᠠᠭᠤᠷᠢ 500 ᠺᠢᠯᠤᠸᠤᠯᠲ᠂ 2 ᠰᠠᠭᠤᠷᠢ 220 ᠺᠢᠯᠤᠸᠤᠯᠲ᠂ 7 ᠰᠠᠭᠤᠷᠢ 110 ᠺᠢᠯᠤᠸᠤᠯᠲ ᠪᠤᠯᠤᠨ 5 | ᠰᠠᠭᠤᠷᠢ 35 ᠺᠢᠯᠤᠸᠤᠯᠲ ᠤᠨ ᠴᠠᠬᠢᠯᠭᠠᠨ ᠬᠦᠴᠦᠳᠡᠯ ᠦᠭᠡᠷᠡᠴᠢᠯᠡᠬᠦ ᠦᠷᠳᠡᠭᠡ ᠶᠢ ᠲᠤᠰᠪᠤᠷᠢ ᠰᠢᠨ᠎ᠡ ᠪᠠᠷ | ᠪᠠᠶᠢᠭᠤᠯᠤᠭᠰᠠᠨ ᠪᠤᠶᠤ ᠦᠷᠬᠡᠳᠬᠡᠨ ᠪᠠᠶᠢᠭᠤᠯᠵᠤ᠂ ᠪᠦᠬᠦ ᠬᠤᠰᠢᠭᠤᠨ ᠤ ᠴᠠᠬᠢᠯᠭᠠᠨ ᠲᠤᠤᠷ ᠤᠨ ᠬᠦᠴᠦᠳᠡᠯ | ᠦᠬᠡᠷᠡᠴᠢᠯᠡᠬᠦ ᠪᠠᠭᠳᠠᠭᠠᠮᠵᠢ 2007 ᠤᠨ ᠤ 2 ᠲᠠᠬᠢᠨ ᠪᠤᠯᠵᠤ ᠨᠡᠮᠡᠭᠳᠡᠨ᠂ ᠴᠠᠬᠢᠯᠭᠠᠨ ᠬᠠᠩᠭᠠᠬᠤ ᠴᠢᠳᠠᠪᠤᠷᠢ | ᠢᠯᠡᠷᠬᠡᠢ ᠲᠡᠭᠡᠭᠰᠢᠯᠡᠪᠡ᠃ ᠯᠢᠨ ᠾᠧ ᠠᠴᠠ ᠴᠡᠭᠡ ᠬᠦᠷᠬᠦ ᠲᠡᠮᠦᠷ ᠵᠠᠮ᠂ ᠪᠠᠶᠠᠨᠬᠤᠳᠠ ᠠᠴᠠ ᠢᠷᠭᠠᠢ ᠬᠦᠷᠬᠦ | ᠲᠦᠷᠬᠡᠨ ᠵᠠᠮ᠂ ᠪᠠᠶᠠᠨᠬᠤᠳᠠᠡᠴᠠ ᠵᠢᠷᠠᠳᠠᠢ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠵᠠᠰᠠᠵᠤ ᠲᠠᠭᠤᠰᠬᠠᠨ | ᠲᠡᠷᠬᠡ ᠨᠡᠪᠳᠡᠷᠡᠵᠦ᠂ ᠪᠠᠶᠠᠨᠬᠤᠳᠠ ᠶᠢᠨ ᠨᠢᠰᠬᠡᠯ ᠤᠨ ᠪᠠᠭᠤᠳᠠᠯ᠂ ᠴᠠᠭᠠᠨᠳᠠᠷᠡᠰᠦ ᠠᠴᠠ ᠵᠢᠷᠠᠳᠠᠢ ᠬᠦᠷᠬᠦ ᠲᠡᠮᠦᠷ ᠵᠠᠮ | ᠂ ᠵᠠᠩ ᠵᠢᠶᠠ ᠹᠠᠩ ᠠᠴᠠ ᠴᠠᠬᠠᠷ ᠤᠨ ᠬᠦᠳᠡᠭᠡ ᠬᠦᠷᠬᠦ ᠲᠦᠷᠬᠡᠨ ᠵᠠᠮ᠂ ᠬᠠᠳᠠᠭᠤᠬᠤᠳᠳᠤᠭ ᠠᠴᠠ ᠰᠤᠬᠠᠶᠢᠳᠤ | ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠢ ᠠᠵᠢᠯ ᠡᠬᠢᠯᠡᠬᠦᠯᠦᠨ ᠪᠦᠳᠦᠬᠡᠨ ᠪᠠᠶᠢᠭᠤᠯᠵᠤ᠂ ᠬᠤᠰᠢᠭᠤᠨ ᠤ | ᠭᠠᠳᠠᠨ᠎ᠠ ᠲᠤᠳᠤᠨᠠᠬᠢ ᠶᠢ ᠵᠠᠯᠭᠠᠭᠰᠠᠨ ᠵᠠᠮ ᠬᠠᠷᠢᠯᠴᠠᠭᠠᠨ ᠤ ᠭᠤᠤᠯ ᠲᠤᠤᠷ ᠤᠨ ᠲᠦᠯᠦᠪ ᠦᠨᠳᠦᠰᠦᠨ ᠳᠡᠭᠡᠨ | ᠪᠦᠷᠢᠯᠳᠦᠪᠡ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠢ 1941 ᠺᠢᠯᠤᠮᠧᠲᠷ ᠰᠢᠨ᠎ᠡ ᠵᠠᠰᠠᠭᠰᠠᠨ ᠪᠤᠶᠤ | ᠰᠠᠶᠢᠵᠢᠷᠠᠭᠤᠯᠤᠨ ᠵᠠᠰᠠᠵᠤ ᠂ ᠰᠤᠮᠤ ᠪᠤᠯᠭᠠᠨ ᠳᠤ ᠴᠠᠷᠳᠠᠮᠠᠯ ᠵᠠᠮ ᠨᠡᠪᠳᠡᠷᠡᠬᠦ᠂ ᠭᠠᠴᠠᠭ᠎ᠠ ᠲᠣᠰᠬᠤᠨ ᠪᠤᠯᠭᠠᠨ ᠳᠤ | ᠵᠠᠰᠠᠮᠠᠯ ᠵᠠᠮ ᠨᠡᠪᠳᠡᠷᠡᠬᠦ ᠶᠢ ᠦᠨᠳᠦᠰᠦᠨ ᠳᠡᠭᠡᠨ ᠪᠡᠶᠡᠯᠡᠬᠦᠯᠦᠨ᠂ ᠮᠠᠯᠵᠢᠬᠤ ᠲᠠᠷᠢᠶᠠᠯᠠᠬᠤ ᠤᠷᠤᠨ ᠤ ᠵᠠᠮ | ᠬᠠᠷᠢᠯᠴᠠᠭᠠᠨ ᠤ ᠪᠠᠶᠢᠳᠠᠯ ᠶᠡᠭᠡ ᠪᠠᠷ ᠰᠠᠶᠢᠵᠢᠷᠠᠪᠠ᠃ ᠮᠡᠳᠡᠭᠡ ᠴᠢᠮᠡᠬᠡᠨ ᠤ ᠲᠦᠬᠦᠬᠡᠷᠦᠮᠵᠢ ᠤᠯᠠᠮ ᠨᠢᠬᠡ ᠠᠯᠬᠤᠮ | ᠲᠡᠬᠦᠯᠳᠡᠷᠵᠢᠵᠦ᠂ ᠰᠤᠷᠠᠭ ᠵᠠᠩᠬᠢ ᠶᠢᠨ ᠲᠤᠤᠷ ᠰᠦᠯᠵᠢᠶ᠎ᠡ ᠨᠡᠩ ᠰᠠᠭᠠᠳ ᠦᠬᠡᠢ ᠰᠢᠯᠤᠭᠤᠨ ᠪᠤᠯᠪᠠ᠃ ᠪᠠᠶᠢᠭᠠᠯᠢ | ᠶᠢᠨ ᠤᠢ ᠶᠢᠨ ᠬᠠᠮᠠᠭᠠᠯᠠᠯᠳᠠ᠂ ᠭᠤᠷᠪᠠᠨ ᠤᠮᠠᠷᠠᠲᠤ ᠶᠢᠨ ᠬᠠᠮᠠᠭᠠᠯᠠᠯᠳᠠ ᠶᠢᠨ ᠤᠢ ᠵᠡᠷᠬᠡ ᠭᠤᠤᠯᠳᠠᠯᠭ᠎ᠠ ᠲᠠᠢ | ᠢᠨᠵᠧᠨᠧᠷᠢᠩ ᠢ ᠬᠦᠨᠵᠡᠬᠡᠢ ᠬᠡᠷᠡᠭᠵᠢᠬᠦᠯᠦᠨ᠂ ᠠᠮᠢ ᠠᠬᠤᠢ ᠶᠢᠨ ᠤᠷᠴᠢᠨ ᠪᠦᠳᠦᠮᠵᠢᠳᠡᠢ ᠵᠠᠰᠠᠨ ᠴᠡᠭᠴᠡᠯᠡᠭᠳᠡᠵᠤ᠂ | ᠦᠪᠡᠷᠳᠡᠬᠡᠨ ᠵᠠᠰᠠᠬᠤ ᠤᠷᠤᠨ ᠠᠴᠠ《 ᠣᠢ ᠰᠢᠭᠤᠢ ᠶᠢᠨ ᠠᠮᠢ ᠠᠬᠤᠢ ᠪᠤᠯᠤᠨ ᠪᠦᠳᠦᠬᠡᠨ ᠪᠠᠶᠢᠭᠤᠯᠤᠭᠰᠠᠨ | ᠲᠡᠷᠢᠬᠦᠨ ᠤ ᠬᠤᠰᠢᠭᠤ 》ᠬᠡᠮᠡᠬᠦ ᠢᠷᠠᠭᠤ ᠠᠯᠳᠠᠷ ᠤᠨ ᠴᠣᠯᠠ ᠤᠯᠭᠤᠪᠠ᠃ ᠤᠯᠠᠭᠠᠨᠪᠤᠬ᠎ᠠ ᠠᠮᠢ ᠠᠬᠤᠢ ᠶᠢᠨ | ᠡᠯᠡᠰᠦᠨ ᠤ ᠠᠵᠤ ᠤᠶᠢᠯᠡᠰ ᠤᠨ ᠵᠢᠱᠢᠶ᠎ᠡ ᠦᠵᠡᠬᠦᠯᠬᠦ ᠲᠤᠭᠤᠷᠢᠭ ᠢ ᠲᠦᠯᠦᠪᠵᠢᠬᠦᠯᠦᠨ ᠪᠦᠳᠦᠬᠡᠨ ᠪᠠᠶᠢᠭᠤᠯᠬᠤ | ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠦᠷᠨᠢᠬᠦᠯᠪᠡ᠃ ᠠᠮᠢ ᠠᠬᠤᠢ ᠶᠢᠨ ᠬᠠᠮᠠᠭᠠᠯᠠᠯᠳᠠ ᠶᠢᠨ | ᠪᠦᠳᠦᠬᠡᠨ ᠪᠠᠶᠢᠭᠤᠯᠤᠭᠰᠠᠨ ᠶᠡᠷᠦᠩᠬᠡᠢ ᠲᠠᠯᠠᠪᠠᠢ 7111 ᠲᠦᠮᠡᠨ ᠮᠤ᠋ ᠳᠤ ᠬᠦᠷᠴᠦ᠂ ᠨᠤᠳᠤᠭ ᠪᠡᠯᠴᠢᠬᠡᠷ ᠤᠨ | ᠪᠦᠳᠦᠬᠡᠨ ᠪᠠᠶᠢᠭᠤᠯᠤᠭᠰᠠᠨ ᠶᠡᠷᠦᠩᠬᠡᠢ ᠬᠡᠪᠴᠢᠶ᠎ᠡ 2600 ᠲᠦᠮᠡᠨ ᠮᠤ᠋ ᠳᠤ ᠬᠦᠷᠴᠦ᠂ ᠮᠠᠯᠵᠢᠬᠤ ᠶᠢ ᠵᠤᠭᠰᠤᠭᠠᠨ | ᠦᠨᠵᠢᠬᠦᠯᠵᠦ ᠮᠠᠯᠯᠠᠭᠰᠠᠨ ᠲᠠᠯᠠᠪᠠᠢ 5767.8 ᠲᠦᠮᠡᠨ ᠮᠤ᠋ ᠳᠤ ᠬᠦᠷᠪᠡ᠃ 163.9 ᠲᠦᠮᠡᠨ ᠮᠤ᠋ ᠭᠠᠵᠠᠷ ᠢ | ᠤᠶᠢᠵᠢᠭᠤᠯᠤᠨ ᠨᠤᠭᠤᠭᠠᠷᠠᠭᠤᠯᠵᠤ᠂ ᠤᠢ ᠰᠢᠭᠤᠢ ᠶᠢᠨ ᠪᠦᠷᠬᠦᠴᠡ 12.5% ᠳᠤ ᠬᠦᠷᠴᠦ᠂ ᠤᠷᠭᠤᠮᠠᠯ ᠤᠨ | ᠬᠤᠴᠢᠯᠭ᠎ᠠ ᠶᠢᠨ ᠪᠦᠷᠬᠦᠴᠡ 14% ᠠᠴᠠ 20% ᠪᠤᠯᠤᠨ ᠨᠡᠮᠡᠭᠳᠡᠪᠡ᠃ ᠠᠭᠤᠷᠬᠠᠢ ᠶᠢᠨ ᠠᠭᠤᠯᠠᠨ ᠤ | ᠤᠷᠴᠢᠨ ᠢ ᠵᠠᠰᠠᠨ ᠴᠡᠭᠴᠡᠯᠡᠬᠦ᠂ ᠡᠬᠢ ᠪᠠᠶᠠᠯᠢᠭ ᠤᠨ ᠨᠡᠶᠢᠯᠡᠯᠳᠡ ᠪᠤᠯᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠬᠦ | ᠭᠠᠵᠠᠷ ᠰᠢᠷᠤᠢ ᠶᠢᠨ ᠲᠤᠬᠢᠷᠠᠭᠤᠯᠤᠯᠳᠠ ᠪᠠᠨ ᠴᠢᠩᠭᠠᠳᠬᠠᠵᠤ᠂ ᠬᠠᠶᠠᠭᠳᠠᠮᠠᠯ ᠰᠠᠭᠤᠭᠠᠯᠢ ᠠᠷᠠᠳ ᠤᠨ ᠴᠡᠭ ᠪᠤᠯᠤᠨ | ᠠᠭᠤᠷᠬᠠᠢ ᠶᠢᠨ ᠬᠠᠶᠠᠭᠳᠠᠮᠠᠯ ᠭᠠᠵᠠᠷ ᠢ ᠲᠠᠬᠢᠨ ᠬᠠᠭᠠᠯᠪᠤᠷᠢᠯᠠᠨ ᠲᠤᠬᠢᠷᠠᠭᠤᠯᠤᠯᠳᠠ ᠬᠢᠵᠦ ᠠᠰᠢᠭᠯᠠᠬᠤ ᠵᠡᠷᠬᠡ | ᠠᠵᠢᠯ ᠠᠮᠵᠢᠯᠳᠠ ᠤᠯᠪᠠ᠃ | ᠠᠷᠠᠳ ᠤᠨ ᠠᠮᠢᠳᠤᠷᠠᠯ ᠤᠨ ᠢᠨᠵᠧᠨᠧᠷᠢᠩ ᠢᠯᠡᠷᠬᠡᠢ ᠪᠦᠳᠦᠮᠵᠢᠳᠠᠢ ᠪᠤᠯᠪᠠ᠃ ᠡᠳ᠋ ᠤᠨ ᠵᠠᠰᠠᠭ ᠠᠴᠠ ᠨᠡᠶᠢᠳᠡ 9. | 4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ ᠲᠠᠪᠤᠨ ᠵᠢᠯ ᠲᠠᠷᠠᠭᠠᠯᠠᠨ ᠠᠷᠠᠳ ᠲᠤ 69 ᠲᠦᠷᠦᠯ ᠤᠨ | ᠪᠤᠳᠠᠳᠤ ᠠᠵᠢᠯ ᠬᠢᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠠᠰᠢᠭ ᠲᠤᠰᠠ ᠲᠠᠢ ᠰᠢᠭᠤᠳ | ᠬᠤᠯᠪᠤᠭᠳᠠᠭᠰᠠᠨ ᠠᠯᠢ ᠤᠯᠠᠨ ᠠᠷᠠᠳ ᠤᠨ ᠠᠮᠢᠳᠤᠷᠠᠯ ᠤᠨ ᠠᠰᠠᠭᠤᠳᠠᠯ ᠢ ᠨᠡᠯᠢᠶᠡᠳ ᠰᠠᠶᠢᠨ ᠰᠢᠢᠳᠪᠦᠷᠢᠯᠡᠪᠡ᠃ | ᠦᠢᠯᠡᠰ ᠪᠤᠰᠬᠠᠬᠤ ᠪᠤᠯᠪᠠᠰᠤᠷᠠᠯ ᠢ ᠬᠦᠨᠵᠡᠬᠡᠢ ᠦᠷᠨᠢᠬᠦᠯᠦᠨ᠂ ᠲᠦᠴᠢ ᠲᠠᠪᠢᠨ ᠨᠠᠰᠤᠨ ᠤ ᠬᠦᠮᠦᠰ᠂ ᠵᠠᠮᠳᠡᠭ | ᠬᠦᠮᠦᠨ᠂ ᠴᠡᠷᠢᠭ ᠠᠴᠠ ᠬᠠᠯᠠᠭᠳᠠᠭᠰᠠᠳ ᠪᠤᠯᠤᠨ ᠲᠡᠭᠡᠳᠦ ᠲᠤᠮᠳᠠᠳᠤ ᠵᠡᠷᠬᠡ ᠶᠢᠨ ᠲᠤᠰᠬᠠᠢ ᠮᠡᠷᠬᠡᠵᠢᠯ ᠤᠨ | ᠰᠣᠷᠭᠠᠭᠤᠯᠢ ᠠᠴᠠ ᠲᠡᠭᠦᠰᠦᠭᠰᠡᠳ ᠤᠨ ᠠᠵᠢᠯ ᠤᠯᠬᠤ ᠤᠶᠢᠯᠡᠰ ᠪᠤᠰᠬᠠᠬᠤ ᠶᠢ ᠭᠤᠤᠯᠳᠠᠯᠭ᠎ᠠ ᠲᠠᠢ ᠬᠠᠪᠰᠤᠷᠪᠠ᠃ | 《 ᠵᠠᠰᠠᠭ᠂ ᠰᠤᠷᠭᠠᠭᠤᠯᠢ᠂ ᠠᠵᠤ ᠠᠬᠤᠶᠢᠯᠠᠯ》ᠬᠠᠮᠳᠤᠷᠠᠯᠴᠠᠨ ᠰᠤᠷᠭᠠᠭᠤᠯᠢ ᠪᠠᠶᠢᠭᠤᠯᠬᠤ ᠬᠡᠯᠪᠡᠷᠢ ᠶᠢ ᠪᠤᠢ | ᠪᠤᠯᠭᠠᠨ᠂ ᠮᠡᠷᠬᠡᠵᠢᠯ ᠤᠨ ᠴᠢᠳᠠᠪᠤᠷᠢᠳᠠᠨ ᠢ ᠬᠦᠮᠦᠵᠢᠬᠦᠯᠵᠦ᠂ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ ᠳᠤ | ᠬᠦᠴᠢᠷ ᠠᠰᠠᠭᠤᠳᠠᠯ ᠢ ᠰᠢᠢᠳᠪᠦᠷᠢᠯᠡᠪᠡ᠃ ᠰᠢᠨ᠎ᠡ ᠮᠤᠩᠭᠤᠯ ᠦᠰᠦᠭ ᠤᠨ ᠤᠷᠴᠢᠭᠤᠯᠭ᠎ᠠ᠂ ᠮᠠᠨᠤ ᠰᠡᠶᠢᠯᠬᠦ ᠵᠡᠷᠬᠡ | ᠲᠤᠰᠬᠠᠢ ᠮᠡᠷᠬᠡᠵᠢᠯ ᠤᠨ ᠴᠢᠳᠠᠪᠤᠷᠢᠳᠠᠨ ᠢ ᠬᠦᠮᠦᠵᠢᠬᠦᠯᠪᠡ᠃ ᠲᠠᠪᠤᠨ ᠵᠢᠯ ᠤᠨ ᠲᠤᠲᠤᠷ᠎ᠠ᠂ ᠪᠦᠬᠦ ᠬᠤᠰᠢᠭᠤᠨ | ᠳᠤ 9272 ᠬᠦᠮᠦᠨ ᠰᠢᠨ᠎ᠡ ᠪᠠᠷ ᠠᠵᠢᠯ ᠤᠯᠤᠨ᠂ ᠡᠬᠦᠨ ᠤ ᠲᠤᠳᠤᠷ᠎ᠠ ᠰᠢᠨ᠎ᠡ ᠪᠠᠷ ᠨᠡᠮᠡᠭᠳᠡᠭᠰᠡᠨ ᠳᠠᠬᠢᠨ ᠠᠵᠢᠯ | ᠣᠯᠣᠭᠰᠠᠨ ᠬᠦᠮᠦᠨ 3013 ᠪᠠᠶᠢᠵᠤ᠂ ᠲᠦᠴᠢ ᠲᠠᠪᠢᠨ ᠨᠠᠰᠤᠨ ᠤ 1743 ᠬᠦᠮᠦᠨ ᠳᠤ ᠲᠠᠬᠢᠨ ᠠᠵᠢᠯ | ᠤᠯᠭᠤᠪᠠ︔ 705 ᠬᠦᠮᠦᠨ ᠤ ᠦᠢᠯᠡᠰ ᠪᠤᠰᠬᠠᠵᠤ ᠠᠮᠵᠢᠯᠳᠠ ᠤᠯᠬᠤ ᠶᠢ ᠲᠡᠮᠵᠢᠪᠡ᠃ ᠮᠠᠯᠵᠢᠬᠤ ᠲᠠᠷᠢᠶᠠᠯᠠᠬᠤ | ᠣᠷᠤᠨ ᠤ 12177 ᠢᠯᠡᠬᠦᠴᠡ ᠬᠦᠳᠡᠯᠮᠦᠷᠢ ᠬᠦᠴᠦ ᠶᠢ ᠰᠢᠯᠵᠢᠬᠦᠯᠦᠨ᠂ ᠬᠤᠳᠠ ᠪᠠᠯᠭᠠᠰᠤᠨ ᠤ ᠲᠠᠩᠰᠠᠯᠠᠭᠰᠠᠨ | ᠠᠵᠢᠯ ᠠᠯᠳᠠᠯᠳᠠ ᠶᠢᠨ ᠨᠤᠷᠮ᠎ᠠ ᠶᠢ 4% ᠶᠢᠨ ᠲᠤᠳᠤᠷ᠎ᠠ ᠬᠢᠵᠠᠭᠠᠷᠯᠠᠪᠠ︔ 980 ᠬᠦᠮᠦᠨ ᠢ ᠴᠢᠳᠠᠪᠤᠷᠢᠳᠠᠨ ᠤ | ᠬᠦᠮᠦᠷᠬᠡ ᠳᠤ ᠰᠢᠯᠭᠠᠨ ᠡᠯᠰᠡᠵᠦ᠂ 386 ᠬᠦᠮᠦᠨ ᠤ ᠠᠵᠢᠯ ᠢ ᠵᠢᠩᠬᠢᠨᠢᠴᠢᠯᠡᠪᠡ︔ 334 ᠦᠪᠡᠷᠳᠡᠬᠡᠨ ᠤᠶᠢᠯᠡᠰ | ᠪᠤᠰᠬᠠᠭᠰᠠᠨ ᠬᠦᠮᠦᠰ ᠲᠤ ᠪᠠᠭ᠎ᠠ ᠲᠤᠭᠠᠨ ᠤ ᠪᠠᠳᠤᠯᠠᠭᠠᠳᠤ ᠵᠢᠬᠡᠯᠡᠯᠬᠡ ᠶᠢ ᠨᠡᠶᠢᠳᠡ 1.15 ᠳ᠋ᠦᠡᠭᠰᠢᠭᠤᠷ | ᠲᠦᠭᠦᠷᠢᠭ ᠲᠠᠷᠬᠠᠭᠠᠪᠠ᠃ ᠨᠠᠰᠤᠵᠢᠯ᠂ ᠠᠵᠢᠯ ᠠᠯᠳᠠᠯᠳᠠ ᠪᠤᠯᠤᠨ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ ᠪᠠᠷ | ᠭᠤᠤᠯ ᠴᠤᠭᠴᠠ ᠪᠤᠯᠭᠠᠭᠰᠠᠨ ᠨᠡᠶᠢᠬᠡᠮ ᠤᠨ ᠪᠠᠳᠤᠯᠠᠭᠠᠨ ᠤ ᠰᠢᠰᠲ᠋ᠧᠮ ᠢ ᠤᠯᠠᠮ ᠨᠢᠬᠡ ᠠᠯᠬᠤᠮ ᠪᠠᠶᠢᠭᠤᠯᠵᠤ᠂ | ᠨᠡᠶᠢᠬᠡᠮ ᠤᠨ ᠪᠠᠳᠤᠯᠠᠭᠠᠨ ᠤ ᠬᠠᠮᠤᠷᠬᠤ ᠬᠡᠪᠴᠢᠶ᠎ᠡ ᠲᠠᠰᠤᠷᠠᠯᠳᠠ ᠦᠬᠡᠢ ᠦᠷᠬᠡᠵᠢᠪᠡ᠃ ᠲᠦᠷᠦᠯ ᠵᠤᠶᠢᠯ ᠤᠨ | ᠤᠷᠤᠨ ᠤ ᠮᠠᠯᠴᠢᠨ ᠲᠠᠷᠢᠶᠠᠴᠢᠨ ᠤ ᠨᠠᠰᠤᠵᠢᠯ ᠤᠨ ᠲᠠᠭᠠᠳᠬᠠᠯ ᠳᠤ ᠨᠡᠶᠢᠳᠡ 16268 ᠬᠦᠮᠦᠨ ᠤᠷᠤᠯᠴᠠᠵᠤ᠂ | 5306 ᠬᠦᠮᠦᠨ ᠨᠠᠰᠤᠵᠢᠯ ᠤᠨ ᠲᠠᠭᠠᠳᠬᠠᠯ ᠤᠨ ᠤᠯᠭᠤᠮᠵᠢ ᠬᠦᠷᠳᠡᠪᠡ᠃ ᠪᠦᠬᠦ ᠤᠷᠤᠨ ᠤ ᠠᠩᠬᠠᠳᠠᠭᠴᠢ | ᠪᠦᠯᠦᠭ ᠤᠨ ᠮᠠᠯᠴᠢᠨ ᠲᠠᠷᠢᠶᠠᠴᠢᠨ ᠤ ᠰᠢᠨ᠎ᠡ ᠬᠡᠯᠪᠡᠷᠢ ᠶᠢᠨ ᠨᠠᠰᠤᠵᠢᠯ ᠤᠨ ᠲᠠᠭᠠᠳᠬᠠᠯ ᠢ ᠲᠤᠷᠰᠢᠨ ᠬᠡᠷᠡᠭᠯᠡᠬᠦ | ᠬᠤᠰᠢᠭᠤ ᠪᠠᠷ ᠳᠤᠭᠳᠠᠭᠠᠭᠳᠠᠵᠤ᠂ ᠮᠠᠯᠴᠢᠨ ᠲᠠᠷᠢᠶᠠᠴᠢᠨ ᠦᠨᠳᠦᠰᠦᠨ ᠳᠡᠭᠡᠨ ᠪᠦᠬᠦᠨ ᠢᠶᠠᠷ ᠢᠶᠠᠨ ᠨᠠᠰᠤᠵᠢᠯ ᠤᠨ | ᠲᠠᠭᠠᠳᠬᠠᠯ ᠳᠤ ᠤᠷᠤᠪᠠ᠃ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ | ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠵᠦ᠂ ᠲᠠᠭᠠᠳᠬᠠᠯ ᠳᠤ ᠤᠷᠤᠭᠰᠠᠨ ᠨᠤᠷᠮ᠎ᠠ 90% ᠠᠴᠠ | ᠳᠠᠪᠠᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠨᠠᠰᠤᠵᠢᠯ ᠤᠨ ᠲᠠᠭᠠᠳᠬᠠᠯ ᠤᠨ ᠨᠢᠬᠡ | ᠴᠤᠭᠴᠠᠵᠢᠯᠳᠠ ᠶᠢ ᠪᠡᠶᠡᠯᠡᠬᠦᠯᠪᠡ᠃ ᠠᠵᠤ ᠠᠬᠤᠶᠢᠯᠠᠯ ᠤᠨ ᠨᠠᠰᠣᠵᠢᠯ ᠤᠨ ᠲᠠᠭᠠᠳᠬᠠᠯ ᠳᠤ ᠤᠷᠤᠯᠴᠠᠭᠰᠠᠨ | ᠬᠦᠮᠦᠨ ᠤ ᠲᠤᠭ᠎ᠠ 19744 ᠳᠤ ᠬᠦᠷᠴᠦ᠂ ᠲᠠᠪᠤᠨ ᠵᠢᠯ ᠲᠠᠷᠠᠭᠠᠯᠠᠨ ᠠᠵᠤ ᠠᠬᠤᠶᠢᠯᠠᠯ ᠤᠨ ᠠᠵᠢᠯ ᠠᠴᠠ | ᠠᠮᠠᠷᠠᠭᠰᠠᠨ ᠠᠵᠢᠯᠳᠠᠨ ᠤ ᠨᠠᠰᠤᠵᠢᠯ ᠤᠨ ᠮᠦᠩᠬᠦ ᠶᠢ ᠲᠤᠬᠢᠷᠠᠭᠤᠯᠤᠨ᠂ ᠬᠦᠮᠦᠨ ᠪᠦᠷᠢ ᠳᠤ ᠲᠡᠭᠰᠢᠳᠭᠡᠭᠡᠳ | ᠰᠠᠷ᠎ᠠ ᠪᠤᠯᠭᠠᠨ 775.9 ᠲᠦᠬᠦᠷᠢᠭ ᠨᠡᠮᠡᠭᠳᠡᠬᠦᠯᠦᠨ᠂ ᠨᠠᠮᠡᠭᠳᠡᠭᠰᠡᠨ ᠬᠡᠮᠵᠢᠶ᠎ᠡ 71.4% ᠳᠤ ᠬᠦᠷᠪᠡ᠃ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠡᠮ ᠡᠮᠨᠡᠯᠬᠡ ᠶᠢᠨ ᠲᠠᠭᠠᠳᠬᠠᠯ ᠤᠨ ᠬᠠᠮᠤᠷᠬᠤ ᠬᠡᠪᠴᠢᠶ᠎ᠡ ᠲᠠᠰᠤᠷᠠᠯᠳᠠ | ᠦᠬᠡᠢ ᠦᠷᠬᠡᠵᠢᠨ᠂ ᠵᠠᠷᠤᠳᠠᠯ ᠢ ᠨᠢ ᠲᠠᠩᠰᠠᠨ ᠠᠴᠠ ᠲᠠᠶᠢᠯᠬᠤ ᠬᠠᠷᠢᠴᠠᠯ ᠪᠤᠯᠤᠨ ᠡᠮᠨᠡᠯᠬᠡ ᠳᠤ ᠰᠠᠭᠤᠭᠰᠠᠨ | ᠨᠦᠬᠦᠪᠦᠷᠢ ᠶᠢᠨ ᠬᠠᠮᠤᠭ ᠦᠨᠳᠦᠷ ᠬᠡᠮᠵᠢᠶ᠎ᠡ ᠵᠢᠯ ᠠᠴᠠ ᠵᠢᠯ ᠲᠡᠭᠡᠭᠰᠢᠯᠡᠪᠡ᠃ ᠰᠢᠨ᠎ᠡ ᠬᠡᠯᠪᠡᠷᠢ ᠶᠢᠨ ᠮᠠᠯᠵᠢᠬᠤ | ᠲᠠᠷᠢᠶᠠᠯᠠᠬᠤ ᠤᠷᠤᠨ ᠤ ᠬᠤᠷᠰᠢᠭᠰᠠᠨ ᠡᠮᠨᠡᠯᠬᠡ ᠳᠤ ᠤᠷᠤᠭᠰᠠᠨ ᠨᠤᠷᠮ᠎ᠠ 96.4% ᠳᠤ ᠬᠦᠷᠴᠦ᠂ ᠬᠤᠷᠰᠢᠭᠰᠠᠨ | ᠡᠮᠨᠡᠯᠬᠡ ᠳᠤ ᠤᠷᠤᠯᠴᠠᠭᠰᠠᠨ 13299 ᠮᠠᠯᠴᠢᠨ ᠲᠠᠷᠢᠶᠠᠴᠢᠳ ᠲᠤ ᠨᠡᠶᠢᠳᠡ 4443 ᠲᠦᠮᠡᠨ ᠲᠦᠬᠦᠷᠢᠭ ᠤᠨ | ᠡᠮᠨᠡᠯᠬᠡ ᠶᠢᠨ ᠰᠦᠢᠳᠬᠡᠯ ᠢ ᠲᠠᠩᠰᠠᠨ ᠠᠴᠠ ᠲᠠᠶᠢᠯᠪᠠ᠃ ᠵᠠᠰᠠᠭ ᠵᠠᠬᠢᠷᠭᠠᠨ ᠪᠠ ᠠᠵᠢᠯ ᠣᠶᠢᠯᠡᠰ ᠤᠨ ᠨᠢᠬᠡᠴᠡ | ᠶᠢᠨ ᠠᠵᠢᠯ ᠠᠴᠠ ᠠᠮᠠᠷᠠᠭᠰᠠᠨ ᠬᠦᠮᠦᠨ ᠤ ᠤᠷᠤᠨ ᠰᠠᠭᠤᠴᠡ ᠶᠢᠨ ᠨᠦᠬᠦᠪᠦᠷᠢ ᠮᠦᠩᠬᠦ ᠶᠢ | ᠨᠡᠶᠢᠳᠡᠪᠤᠷᠢᠵᠢᠭᠤᠯᠤᠨ᠂ ᠤᠷᠤᠨ ᠰᠠᠭᠤᠴᠠ ᠶᠢᠨ ᠨᠦᠬᠦᠪᠦᠷᠢ ᠮᠦᠩᠬᠦ ᠶᠢ 3757 ᠲᠦᠮᠡᠨ ᠲᠦᠬᠦᠷᠢᠭ ᠲᠠᠷᠬᠠᠭᠠᠪᠠ | ᠃ ᠬᠤᠳᠠ ᠪᠠᠯᠭᠠᠰᠤᠨ ᠤ ᠲᠤᠤᠷ᠎ᠠ ᠤᠷᠤᠯᠭ᠎ᠠ ᠲᠠᠢ ᠬᠦᠮᠦᠰ ᠤᠨ ᠡᠯ᠎ᠡ ᠲᠦᠷᠦᠯ ᠤᠨ ᠨᠦᠬᠦᠪᠦᠷᠢ ᠪᠤᠯᠤᠨ | ᠨᠠᠰᠤᠳᠠᠶᠢᠴᠣᠳ ᠢ ᠬᠠᠷᠠᠭᠠᠯᠵᠠᠬᠤ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠪᠠ᠃ 930 ᠰᠠᠭᠤᠷᠢ ᠬᠢᠮᠳᠡ | ᠲᠦᠷᠢᠶᠡᠰᠦᠨ ᠬᠡᠷ ᠂ 440 ᠰᠠᠭᠤᠷᠢ ᠨᠡᠶᠢᠳᠡ ᠶᠢᠨ ᠲᠦᠷᠢᠶᠡᠰᠦᠨ ᠬᠡᠷ᠂ 1402 ᠰᠠᠭᠤᠷᠢ ᠬᠢᠮᠳᠡ ᠲᠤᠬᠢᠯᠠᠭ | ᠬᠡᠷ ᠢ ᠰᠢᠨ᠎ᠡ ᠪᠠᠷ ᠪᠠᠶᠢᠭᠤᠯᠤᠨ᠂ ᠮᠠᠯᠵᠢᠬᠤ ᠲᠠᠷᠢᠶᠠᠯᠠᠬᠤ ᠤᠷᠤᠨ ᠤ 1670 ᠡᠷᠦᠬᠡ ᠶᠢᠨ ᠨᠤᠷᠠᠬᠤ ᠠᠶᠤᠯᠳᠠᠢ | ᠬᠡᠷ ᠪᠠᠶᠢᠰᠢᠩ᠂ 345 ᠡᠷᠦᠬᠡ ᠵᠡᠮᠳᠡᠭᠴᠤᠳ ᠤᠨ ᠨᠤᠷᠠᠬᠤ ᠠᠶᠤᠯᠳᠠᠢ ᠬᠠᠭᠤᠴᠢᠨ ᠬᠡᠷ ᠪᠠᠶᠢᠰᠢᠩ ᠢ ᠰᠡᠯᠪᠢᠨ | ᠵᠠᠰᠠᠵᠤ᠂ 1538 ᠡᠷᠦᠬᠡ ᠶᠢᠨ ᠨᠡᠬᠦᠳᠡᠯ ᠮᠠᠯᠴᠢᠳ ᠢ ᠰᠠᠭᠤᠷᠢᠰᠢᠭᠤᠯᠬᠤ ᠢᠨᠵᠧᠨᠧᠷᠢᠩ ᠢ ᠪᠡᠶᠡᠯᠡᠬᠦᠯᠪᠡ᠃ | 4040 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠮᠠᠯᠵᠢᠬᠤ ᠲᠠᠷᠢᠶᠠᠯᠠᠬᠤ ᠤᠷᠤᠨ ᠤ ᠡᠷᠦᠬᠡ ᠪᠤᠯᠭᠠᠨ ᠳᠤ | ᠴᠠᠬᠢᠯᠭᠠᠨ ᠨᠡᠪᠳᠡᠷᠡᠬᠦᠯᠬᠦ ᠢᠨᠵᠧᠨᠧᠷᠢᠩ ᠢ ᠬᠡᠷᠡᠭᠵᠢᠬᠦᠯᠦᠨ᠂ 1977 ᠡᠷᠦᠬᠡ ᠶᠢᠨ 5931 ᠬᠦᠮᠦᠨ ᠠᠰᠢᠭ | ᠬᠦᠷᠳᠡᠪᠡ᠃ ᠨᠡᠶᠢᠬᠡᠮ ᠤᠨ ᠠᠰᠠᠷᠠᠮᠵᠢ ᠶᠢᠨ ᠤᠶᠢᠯᠡᠴᠢᠯᠡᠬᠡᠨ ᠤ ᠲᠦᠪ ᠢ ᠦᠨᠳᠦᠷ ᠪᠠᠷᠢᠮᠵᠢᠶ᠎ᠡ ᠪᠠᠷ ᠪᠠᠶᠢᠭᠤᠯᠪᠠ᠃ | ᠬᠤᠳᠠ ᠪᠠᠯᠭᠠᠰᠤᠨ ᠤ ᠡᠮ ᠡᠮᠨᠡᠯᠬᠡ ᠶᠢᠨ ᠠᠪᠤᠷᠠᠨ ᠲᠤᠰᠠᠯᠠᠬᠤ᠂ ᠶᠠᠳᠠᠭᠤ ᠬᠦᠴᠢᠷᠳᠡᠯᠳᠡᠢ ᠰᠤᠷᠤᠭᠴᠢ ᠶᠢ | ᠲᠤᠰᠠᠯᠠᠬᠤ ᠠᠵᠢᠯ ᠢ ᠦᠷᠨᠢᠬᠦᠯᠦᠨ᠂ ᠨᠡᠶᠢᠳᠡ 17967 ᠬᠦᠮᠦᠨ ᠢ ᠠᠪᠤᠷᠠᠨ ᠲᠤᠰᠠᠯᠠᠪᠠ᠃ ᠬᠤᠳᠠ ᠬᠦᠳᠡᠭᠡ | ᠶᠢᠨ ᠬᠠᠮᠤᠭ ᠲᠤᠤᠷ᠎ᠠ ᠪᠠᠳᠤᠯᠠᠭ᠎ᠠ ᠶᠢᠨ ᠪᠠᠷᠢᠮᠵᠢᠶ᠎ᠠ ᠶᠢ ᠲᠡᠭᠡᠭᠰᠢᠯᠡᠬᠦᠯᠦᠨ ᠭᠡᠪᠴᠢᠶ᠎ᠡ ᠶᠢ ᠲᠠᠰᠤᠷᠠᠯᠳᠠ ᠦᠬᠡᠢ | ᠦᠷᠭᠡᠳᠬᠡᠵᠤ᠂ ᠬᠦᠮᠦᠨ ᠪᠦᠷᠢ ᠰᠠᠷ᠎ᠠ ᠪᠤᠯᠭᠠᠨ 419 ᠲᠦᠬᠦᠷᠢᠭ ᠲᠤ ᠬᠦᠷᠴᠦ᠂ ᠬᠦᠳᠡᠯᠦᠩᠬᠦᠢ ᠬᠠᠮᠢᠶᠠᠷᠤᠯᠳᠠ | ᠪᠠ ᠪᠠᠳᠤᠯᠠᠬᠤ ᠶᠤᠰᠤᠳᠠᠢ ᠪᠦᠬᠦᠨ ᠢ ᠪᠠᠳᠤᠯᠠᠬᠤ ᠶᠢ ᠪᠡᠶᠡᠯᠡᠬᠦᠯᠪᠡ᠃ | ᠨᠡᠶᠢᠬᠡᠮ ᠤᠨ ᠤᠶᠢᠯᠡᠰ ᠪᠦᠬᠦ ᠲᠠᠯ᠎ᠠ ᠪᠠᠷ ᠠᠬᠢᠪᠠ᠃ ᠰᠤᠷᠭᠠᠨ ᠬᠦᠮᠦᠵᠢᠯ ᠢ ᠨᠡᠩ ᠲᠡᠷᠢᠬᠦᠨ ᠳᠤ ᠬᠦᠭᠵᠢᠬᠦᠯᠬᠦ | ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠂ ᠰᠤᠷᠭᠠᠨ ᠬᠦᠮᠦᠵᠢᠯ ᠤᠨ ᠪᠠᠶᠢᠷᠢᠯᠠᠭᠤᠯᠤᠯᠳᠠ ᠶᠢ ᠰᠢᠯᠢᠳᠡᠭᠵᠢᠬᠦᠯᠦᠨ | ᠲᠤᠬᠢᠷᠠᠭᠤᠯᠵᠤ᠂ ᠬᠤᠳᠠ ᠬᠦᠳᠡᠭᠡ ᠶᠢᠨ ᠰᠤᠷᠭᠠᠨ ᠬᠦᠮᠦᠵᠢᠯ ᠤᠨ ᠵᠦᠷᠢᠶ᠎ᠡ ᠶᠢ ᠪᠠᠭᠠᠰᠬᠠᠪᠠ᠃ 5 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠨ᠂ ᠠᠮᠤᠷ ᠳᠦᠪᠰᠢᠨ ᠰᠤᠷᠭᠠᠭᠤᠯᠢ ᠶᠢᠨ ᠪᠠᠶᠢᠷᠢ ᠶᠢᠨ ᠬᠡᠷ ᠪᠠ ᠰᠤᠷᠭᠠᠭᠤᠯᠢ | ᠶᠢᠨ ᠰᠤᠷᠠᠭ ᠵᠠᠩᠬᠢᠴᠢᠯᠠᠯᠳᠠ ᠶᠢᠨ ᠢᠨᠵᠧᠨᠧᠷᠢᠩ ᠢ ᠪᠡᠶᠡᠯᠡᠬᠦᠯᠵᠦ᠂ ᠠᠷᠪᠠᠨ ᠲᠠᠪᠤᠨ ᠵᠢᠯ ᠤᠨ ᠰᠤᠶᠢᠳᠬᠡᠯ | ᠬᠤᠷᠢᠶᠠᠬᠤ ᠦᠬᠡᠢ ᠰᠤᠷᠭᠠᠨ ᠬᠦᠮᠦᠵᠢᠯ ᠪᠤᠯᠤᠨ ᠰᠤᠷᠤᠭᠴᠢᠳ ᠲᠤ ᠰᠦᠢᠳᠬᠡᠯ ᠬᠤᠷᠢᠶᠠᠬᠤ ᠦᠬᠡᠢ ᠪᠡᠶ᠎ᠡ ᠶᠢᠨ | ᠪᠠᠶᠢᠴᠠᠭᠠᠯᠳᠠ ᠬᠢᠬᠦ ᠶᠢ ᠤᠷᠢᠳᠴᠢᠯᠠᠨ ᠪᠡᠶᠡᠯᠡᠬᠦᠯᠪᠡ᠃ ᠰᠢᠨᠵᠢᠯᠡᠭᠡ ᠮᠡᠷᠬᠡᠵᠢᠯ ᠤᠨ ᠲᠠᠪᠰᠢᠯᠳᠡ ᠶᠢ ᠶᠡᠬᠡᠪᠡᠷ | ᠲᠦᠯᠬᠢᠨ ᠠᠬᠢᠭᠤᠯᠵᠤ᠂ ᠠᠵᠤ ᠠᠬᠤᠶᠢᠯᠠᠯ ᠪᠤᠯᠤᠨ ᠡᠷᠳᠡᠮ ᠰᠢᠨᠵᠢᠯᠡᠬᠡᠨ ᠤ ᠬᠦᠷᠢᠶᠡᠯᠡᠩ ᠤᠨ ᠬᠠᠮᠳᠤᠷᠠᠯᠴᠠᠭ᠎ᠠ ᠶᠢ | ᠵᠤᠷᠢᠭᠵᠢᠭᠤᠯᠤᠨ᠂ 7000 ᠲᠦᠮᠡᠨ ᠲᠦᠬᠦᠷᠢᠭ ᠤᠨ ᠪᠡᠯᠡ ᠤᠷᠤᠭᠤᠯᠤᠨ᠂ ᠰᠢᠨᠵᠢᠯᠡᠭᠡ ᠮᠡᠷᠬᠡᠵᠢᠯ ᠤᠨ ᠦᠷ᠎ᠡ | ᠪᠦᠳᠦᠬᠡᠯ ᠤᠨ ᠰᠢᠯᠵᠢᠯᠳᠡ ᠶᠢ ᠲᠦᠷᠬᠡᠳᠬᠡᠵᠦ᠂《 ᠪᠦᠬᠦ ᠤᠯᠤᠰ ᠤᠨ ᠰᠢᠨᠵᠢᠯᠡᠭᠡ ᠮᠡᠷᠬᠡᠵᠢᠯ ᠤᠨ ᠲᠠᠪᠰᠢᠯᠳᠡ | ᠶᠢᠨ ᠵᠢᠱᠢᠶ᠎ᠡ ᠦᠵᠡᠬᠦᠯᠬᠦ ᠬᠤᠰᠢᠭᠤ ᠰᠢᠶᠠᠨ》 ᠤ ᠠᠯᠳᠠᠷ ᠢ ᠬᠦᠷᠳᠡᠭᠰᠡᠨ ᠪᠠᠶᠢᠨ᠎ᠠ᠃ ᠲᠠᠯ᠎ᠠ ᠨᠤᠳᠤᠭ ᠤᠨ ᠨᠤᠮ | ᠤᠨ ᠦᠷᠦᠭᠡ᠂ ᠷᠠᠳᠢᠤ᠋ ᠲᠧᠯᠸᠢᠰ ᠢ《 ᠲᠤᠰᠬᠤᠨ ᠪᠤᠯᠭᠠᠨ ᠳᠤ ᠨᠡᠪᠳᠡᠷᠡᠬᠦᠯᠬᠦ》ᠵᠡᠷᠬᠡ ᠨᠢᠬᠡ ᠪᠦᠯᠦᠭ ᠰᠣᠶᠣᠯ | ᠢᠶᠠᠷ ᠠᠷᠠᠳ ᠢ ᠬᠠᠷᠠᠭᠠᠯᠵᠠᠬᠤ ᠢᠨᠵᠧᠨᠧᠷᠢᠩ ᠢ ᠡᠬᠢᠯᠡᠬᠦᠯᠦᠨ ᠬᠡᠷᠡᠭᠵᠢᠬᠦᠯᠪᠡ᠃ 187 ᠲᠦᠮᠡᠨ ᠲᠦᠬᠦᠷᠢᠭ ᠤᠨ | ᠪᠡᠯᠡ ᠤᠷᠤᠭᠤᠯᠤᠨ᠂ 11 ᠰᠤᠮᠤ ᠪᠠᠯᠭᠠᠰᠤᠨ ᠤ ᠶᠡᠷᠦᠩᠬᠡᠶᠢᠯᠡᠭᠰᠡᠨ ᠰᠤᠶᠤᠯ ᠤᠨ ᠦᠷᠳᠡᠭᠡ ᠶᠢ ᠰᠢᠨ᠎ᠡ ᠪᠠᠷ | ᠪᠠᠶᠢᠭᠤᠯᠪᠠ᠃ ᠱᠠᠯᠪᠤᠷ ᠪᠦᠬᠡ ᠵᠡᠷᠬᠡ 4 ᠲᠦᠷᠦᠯ ᠵᠤᠶᠢᠯ ᠢ ᠬᠤᠶᠠᠳᠤᠭᠠᠷ ᠪᠦᠯᠦᠭ ᠤᠨ ᠣᠯᠣᠰ ᠤᠨ ᠲᠡᠰ ᠤᠨ | ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠨᠡᠷᠡᠰ ᠤᠨ ᠲᠡᠬᠦᠪᠦᠷᠢ ᠳᠤ ᠤᠷᠤᠭᠤᠯᠪᠠ᠃ 2080 | ᠲᠦᠮᠡᠨ ᠲᠦᠬᠦᠷᠢᠭ ᠤᠨ ᠪᠡᠯᠡ ᠬᠤᠷᠠᠮᠳᠤᠭᠤᠯᠤᠨ᠂ ᠲᠤᠮᠤ ᠬᠡᠯᠪᠡᠷᠢ ᠶᠢᠨ ᠲᠠᠭᠤᠤ ᠪᠦᠵᠢᠭ ᠤᠨ ᠦᠳᠡᠰᠢᠯᠡᠭᠡ《 | ᠬᠠᠨ ᠲᠡᠭᠷᠢ ᠠᠯᠠᠱᠠ 》 ᠶᠢ ᠵᠤᠬᠢᠶᠠᠨ ᠤᠶᠢᠯᠡᠳᠴᠤ᠂ ᠭᠤᠴᠢᠨ ᠪᠦᠯᠦᠭᠳᠦ ᠦᠷᠬᠦᠯᠵᠢᠯᠡᠭᠰᠡᠨ ᠲᠧᠯᠸᠢᠰ | ᠵᠦᠴᠦᠬᠡ《 ᠪᠦᠬᠡᠴᠢᠨ》ᠪᠤᠯᠤᠨ《 ᠭᠤᠪᠢ ᠶᠢᠨ ᠤᠯᠠᠭᠠᠨ ᠲᠡᠮᠡᠭᠡ 》ᠺᠢᠨᠤ᠋ ᠶᠢ ᠰᠢᠩᠬᠡᠬᠡᠨ ᠰᠡᠬᠦᠳᠡᠷᠯᠡᠵᠦ | ᠲᠠᠭᠤᠰᠪᠠ᠃ ᠠᠯᠠᠱᠠ ᠶᠢᠨ ᠲᠡᠮᠡᠬᠡᠨ ᠰᠤᠶᠤᠯ ᠤᠨ ᠨᠠᠶᠢᠷ᠂ ᠤᠪᠤᠭ᠎ᠠ ᠲᠠᠬᠢᠬᠤ ᠵᠡᠷᠬᠡ ᠦᠨᠳᠦᠰᠦᠳᠡᠨ ᠤ | ᠰᠣᠶᠣᠯ ᠤᠯᠠᠮᠵᠢᠯᠠᠭᠳᠠᠨ ᠬᠦᠭᠵᠢᠵᠦ᠂《 ᠲᠡᠭᠷᠢ ᠶᠢᠨ ᠪᠤᠳᠤᠭᠤ 》ᠮᠤᠩᠭᠤᠯ ᠰᠢᠯᠦᠭ ᠤᠨ ᠨᠠᠭᠠᠳᠤᠮ ᠨᠢ | ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠪᠦᠯᠦᠭ ᠤᠨ《 ᠨᠢᠬᠡ ᠬᠤᠰᠢᠭᠤ ᠨᠢᠬᠡ ᠨᠡᠷ᠎ᠡ ᠲᠡᠮᠳᠡᠭ》ᠰᠤᠶᠤᠯ | ᠤᠨ ᠨᠡᠷᠡᠳᠦ ᠲᠡᠮᠳᠡᠭ ᠢᠶᠠᠷ ᠲᠤᠭᠳᠠᠭᠠᠭᠳᠠᠪᠠ᠃ ᠦᠯᠵᠡᠶᠢᠳᠦ ᠡᠳᠦᠷ ᠤᠨ ᠰᠤᠶᠤᠯ᠂ ᠠᠭᠤᠳᠠᠮ ᠲᠠᠯᠠᠪᠠᠢ ᠶᠢᠨ | ᠵᠤᠨ ᠤ ᠰᠡᠯᠡᠬᠦᠴᠡᠯ ᠤᠨ ᠰᠣᠶᠣᠯ ᠵᠡᠷᠬᠡ ᠤᠯᠠᠨ ᠲᠦᠮᠡᠨᠴᠢ ᠰᠣᠶᠣᠯ ᠲᠠᠮᠢᠷ ᠤᠨ ᠭᠦᠳᠡᠯᠬᠡᠬᠡᠨ ᠪᠠᠶᠠᠯᠢᠭ ᠰᠠᠶᠢᠬᠠᠨ | ᠪᠤᠯᠪᠠ᠃ ᠰᠣᠶᠣᠯ ᠤᠨ ᠰᠣᠳᠣᠨ ᠪᠦᠳᠦᠬᠡᠯ ᠪᠤᠯᠤᠨ ᠡᠯ᠎ᠡ ᠲᠦᠷᠦᠯ ᠤᠨ ᠦᠷᠢᠰᠦᠯᠳᠦᠬᠡᠨ ᠤ ᠪᠡᠶ᠎ᠡ ᠲᠠᠮᠢᠷ ᠤᠨ | ᠬᠦᠳᠡᠯᠬᠡᠬᠡᠨ ᠨᠢ ᠪᠦᠬᠦ ᠤᠷᠤᠨ᠂ ᠪᠦᠬᠦ ᠠᠶᠢᠮᠠᠭ ᠲᠤ ᠨᠡᠯᠢᠶᠡᠳ ᠰᠠᠶᠢᠨ ᠬᠢᠷᠢ ᠪᠦᠳᠦᠮᠵᠢ ᠤᠯᠪᠠ᠃ ᠠᠯᠠᠱᠠ | ᠸᠠᠩ ᠤᠨ ᠤᠷᠳᠤᠨ ᠤ ᠮᠦᠽᠸᠢ ᠪᠤᠯᠤᠨ ᠰᠤᠶᠤᠯ ᠤᠨ ᠤᠷᠲᠤ ᠬᠤᠩᠬᠢᠯ ᠤᠨ ᠲᠡᠯᠬᠡᠨ ᠦᠵᠡᠬᠦᠯᠬᠡ ᠶᠢᠨ ᠠᠵᠢᠯ | ᠢ ᠦᠷᠨᠢᠬᠦᠯᠪᠡ᠃ ᠨᠡᠶᠢᠳᠡ 1.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ ᠡᠮ ᠡᠮᠨᠡᠯᠬᠡ ᠡᠷᠡᠬᠦᠯ | ᠬᠠᠮᠠᠭᠠᠯᠠᠯ ᠪᠤᠯᠤᠨ ᠬᠦᠮᠦᠨ ᠠᠮᠠ ᠶᠢᠨ ᠲᠦᠯᠦᠪᠯᠡᠬᠡᠳᠦ ᠬᠦᠩᠬᠡᠵᠢᠯ ᠤᠨ ᠠᠵᠢᠯ ᠢ ᠴᠢᠩᠭᠠᠳᠬᠠᠪᠠ᠃ ᠭᠤᠤᠯᠳᠠᠯᠭ᠎ᠠ | ᠲᠠᠢ ᠬᠠᠯᠳᠠᠪᠤᠷᠢᠳᠤ ᠡᠪᠡᠳᠴᠢᠨ ᠢ ᠤᠷᠢᠳᠴᠢᠯᠠᠨ ᠰᠡᠷᠬᠡᠶᠢᠯᠡᠬᠦ ᠲᠦᠷᠢᠮ ᠪᠠ ᠨᠡᠶᠢᠳᠡ ᠶᠢᠨ ᠡᠷᠡᠬᠦᠯ ᠬᠠᠮᠠᠭᠠᠯᠠᠯ | ᠤᠨ ᠬᠢᠨᠡᠨ ᠬᠠᠮᠢᠶᠠᠷᠤᠯᠳᠠ ᠶᠢᠨ ᠠᠵᠢᠯ ᠢ ᠡᠷᠴᠢᠮᠳᠡᠢ ᠠᠬᠢᠭᠤᠯᠤᠨ᠂ ᠬᠦᠬᠡ ᠬᠡᠯᠪᠡᠷᠢ ᠶᠢᠨ H1N1 | ᠬᠠᠯᠳᠠᠪᠤᠷᠢᠳᠤ ᠲᠠᠭᠰᠢᠭᠤᠷ᠂ ᠬᠦᠯ ᠭᠠᠷ ᠠᠮᠠᠨ ᠤ ᠡᠪᠡᠳᠴᠢᠨ ᠵᠡᠷᠬᠡ ᠨᠡᠶᠢᠳᠡ ᠶᠢᠨ ᠡᠷᠡᠬᠦᠯ ᠬᠠᠮᠠᠭᠠᠯᠠᠯ ᠤᠨ | ᠬᠡᠷᠡᠭ ᠢ ᠲᠤᠶᠢᠯᠪᠦᠷᠢᠳᠠᠢ ᠰᠢᠢᠳᠪᠦᠷᠢᠯᠡᠪᠡ᠃ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ ᠡᠮ ᠤᠨ | ᠵᠤᠶᠢᠯᠡᠰ ᠢ ᠦᠨ᠎ᠡ ᠶᠢᠨ ᠵᠦᠷᠢᠶ᠎ᠡ ᠦᠬᠡᠢ ᠪᠠᠷ ᠪᠤᠷᠤᠯᠠᠭᠤᠯᠬᠤ ᠪᠤᠯᠪᠠ᠃ ᠡᠬᠡ ᠨᠢᠯᠬᠠᠰ ᠤᠨ ᠡᠷᠡᠬᠦᠯ ᠬᠠᠮᠠᠭᠠᠯᠠᠯ | ᠤᠨ ᠬᠤᠷᠢᠶ᠎ᠠ᠂ ᠵᠢᠷᠠᠳᠠᠢ ᠶᠢᠨ ᠪᠠᠴᠢᠮ ᠠᠪᠤᠷᠠᠬᠤ ᠲᠦᠪ᠂ ᠨᠡᠶᠢᠬᠡᠮ ᠲᠤᠭᠤᠷᠢᠭ ᠤᠨ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠲᠦᠪ ᠵᠢᠴᠢ 5 ᠰᠣᠮᠣ ᠪᠠᠯᠭᠠᠰᠤ ᠶᠢᠨ ᠡᠮᠨᠡᠯᠬᠡ ᠶᠢᠨ ᠬᠤᠷᠢᠶ᠎ᠠ ᠪᠤᠯᠤᠨ 19 ᠭᠠᠴᠠᠭᠠᠨ ᠤ | ᠡᠷᠡᠬᠦᠯ ᠬᠠᠮᠠᠭᠠᠯᠠᠯ ᠤᠨ ᠲᠠᠰᠤᠭ ᠢ ᠪᠠᠶᠢᠭᠤᠯᠪᠠ᠃《 ᠬᠡᠷ ᠪᠦᠯᠢ ᠶᠢᠨ ᠵᠢᠵᠢᠭ ᠡᠮ ᠤᠨ ᠬᠠᠶᠢᠷᠴᠠᠭ》 ᠢ | ᠮᠠᠯᠴᠢᠨ ᠲᠠᠷᠢᠶᠠᠴᠢᠳ ᠲᠤ ᠬᠦᠷᠬᠡᠬᠦ ᠢᠨᠵᠧᠨᠧᠷᠢᠩ ᠢ ᠬᠡᠷᠡᠭᠵᠢᠬᠦᠯᠦᠨ᠂ 6581 ᠬᠡᠷ ᠪᠦᠯᠢ ᠠᠰᠢᠭ ᠬᠦᠷᠳᠡᠪᠡ᠃ | ᠲᠤᠳᠠᠭᠤ ᠵᠡᠮᠳᠡᠭ ᠬᠡᠤᠭᠡᠳ ᠲᠦᠷᠦᠬᠦ ᠶᠢ ᠬᠤᠷᠢᠭᠯᠠᠬᠤ ᠢᠨᠵᠧᠨᠧᠷᠢᠩ ᠢ ᠢᠳᠡᠪᠬᠢᠳᠡᠢ ᠦᠷᠨᠢᠬᠦᠯᠦᠨ᠂ ᠬᠤᠷᠢᠮᠯᠠᠬᠤ | ᠠᠴᠠ ᠡᠮᠦᠨᠡᠬᠢ ᠰᠦᠢᠳᠬᠡᠯ ᠬᠤᠷᠢᠶᠠᠬᠤ ᠦᠬᠡᠢ ᠡᠮᠨᠡᠯᠬᠡ ᠶᠢᠨ ᠪᠠᠶᠢᠴᠠᠭᠠᠯᠳᠠ᠂ ᠵᠢᠷᠮᠤᠰᠦᠯᠡᠵᠤ ᠬᠦᠩᠬᠡᠵᠢᠬᠦ | ᠪᠠᠶᠢᠴᠠᠭᠠᠯᠳᠠ ᠶᠢ ᠬᠡᠷᠡᠭᠵᠢᠬᠦᠯᠵᠦ᠂ ᠲᠤᠤᠷ᠎ᠠ ᠬᠦᠩᠬᠡᠵᠢᠯᠳᠡ ᠶᠢᠨ ᠲᠦᠪᠰᠢᠨ ᠲᠠᠰᠤᠷᠠᠯᠳᠠ ᠦᠬᠡᠢ ᠪᠠᠬᠢᠵᠢᠨ᠂ | ᠬᠦᠮᠦᠨ ᠠᠮᠠ ᠶᠢᠨ ᠬᠦᠩᠬᠡᠵᠢᠬᠦ ᠨᠤᠷᠮ᠎ᠠ ᠪᠤᠯᠤᠨ ᠠᠶᠠᠨᠳᠠᠭᠠᠨ ᠦᠰᠬᠦ ᠨᠤᠷᠮ᠎ᠠ ᠶᠢ ᠲᠤᠰᠪᠤᠷᠢ 7.6‰ ᠪᠠ 4. | 4‰ ᠶᠢᠨ ᠲᠤᠳᠤᠷ᠎ᠠ ᠬᠢᠵᠠᠭᠠᠷᠯᠠᠪᠠ᠃ 《 ᠬᠢᠯᠢ ᠬᠢᠵᠠᠭᠠᠷ ᠢᠶᠠᠨ ᠬᠦᠭᠵᠢᠬᠦᠯᠵᠦ ᠠᠷᠠᠳ ᠢᠶᠠᠨ | ᠪᠠᠶᠠᠵᠢᠭᠤᠯᠬᠤ》ᠠᠵᠢᠯᠯᠠᠭ᠎ᠠ ᠶᠢ ᠢᠳᠡᠪᠬᠢᠳᠡᠢ ᠠᠬᠢᠭᠤᠯᠤᠨ᠂ ᠦᠨᠳᠦᠰᠦᠳᠡᠨ ᠱᠠᠰᠢᠨ ᠰᠤᠷᠳᠠᠬᠤᠨ ᠤ ᠠᠵᠢᠯ | ᠴᠢᠩᠭᠠᠷᠠᠪᠠ᠃ ᠵᠢᠷᠭᠤᠳᠤᠭᠠᠷ ᠬᠤᠭᠤᠴᠠᠭᠠᠨ ᠤ ᠪᠦᠬᠦ ᠤᠯᠤᠰ ᠤᠨ ᠬᠦᠮᠦᠨ ᠠᠮᠠ ᠶᠢᠨ ᠨᠡᠶᠢᠳᠡᠮ ᠪᠠᠶᠢᠴᠠᠭᠠᠯᠳᠠ | ᠶᠢᠨ ᠠᠵᠢᠯ ᠢ ᠲᠡᠬᠦᠰ ᠠᠮᠵᠢᠯᠳᠠ ᠲᠠᠢ ᠪᠡᠶᠡᠯᠡᠬᠦᠯᠪᠡ᠃ ᠤᠯᠠᠨ ᠲᠦᠮᠡᠨᠴᠢ ᠴᠢᠨᠠᠷ ᠲᠠᠢ ᠤᠶᠤᠨ ᠤ ᠪᠤᠯᠪᠠᠰᠤᠨ ᠢ | ᠡᠬᠦᠳᠦᠨ ᠪᠠᠶᠢᠭᠤᠯᠬᠤ ᠠᠵᠢᠯᠯᠠᠭᠠᠨ ᠢ ᠢᠳᠡᠪᠬᠢᠳᠡᠢ ᠦᠷᠨᠢᠬᠦᠯᠦᠨ᠂ 2011 ᠤᠨ ᠳᠤ ᠪᠦᠬᠦ ᠤᠷᠤᠨ ᠤ《 | ᠪᠤᠯᠪᠠᠰᠤᠨ ᠬᠤᠳᠠ》ᠬᠡᠮᠡᠬᠦ ᠢᠷᠡᠭᠤ ᠠᠯᠳᠠᠷ ᠢ ᠬᠦᠷᠳᠡᠪᠡ᠃ ᠲᠠᠩᠰᠠ ᠡᠪᠬᠡᠮᠡᠯ ᠲᠡᠤᠬᠡ ᠤᠶᠢᠯᠠᠯᠭ᠎ᠠ᠂ | ᠡᠮᠡᠭᠳᠡᠶᠢᠴᠤᠳ᠂ ᠨᠠᠰᠤᠳᠠᠶᠢᠴᠣᠳ᠂ ᠵᠡᠮᠳᠡᠭᠴᠣᠳ᠂ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠵᠡᠷᠬᠡ ᠡᠯ᠎ᠡ | ᠲᠦᠷᠦᠯ ᠤᠨ ᠠᠵᠢᠯ ᠰᠢᠨ᠎ᠡ ᠠᠮᠵᠢᠯᠳᠠ ᠤᠯᠪᠠ᠃ | ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠯᠠᠪᠳᠠᠭᠤᠨ ᠢᠶᠠᠷ ᠠᠬᠢᠪᠠ᠃ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ ᠶᠢ ᠰᠤᠷᠤᠯᠴᠠᠨ ᠦᠢᠯᠡᠳᠦᠯᠬᠡᠵᠢᠬᠦᠯᠬᠦ᠂ ᠲᠡᠷᠢᠬᠦᠨ ᠤ ᠬᠢ ᠶᠢ ᠡᠬᠦᠳᠴᠦ ᠰᠢᠯᠢᠳᠡᠭ | ᠪᠤᠯᠬᠤ ᠪᠠᠷ ᠴᠢᠷᠮᠠᠶᠢᠬᠤ᠂ ᠺᠠᠳ᠋ᠷ ᠤᠨ ᠭᠡᠪ ᠰᠤᠷᠳᠠᠯ ᠤᠨ ᠪᠠᠶᠢᠭᠤᠯᠤᠯᠳᠠ ᠶᠢᠨ ᠤᠨ ᠵᠡᠷᠬᠡ ᠠᠵᠢᠯᠯᠠᠭᠠᠨ ᠢ | ᠬᠦᠨᠵᠡᠬᠡᠢ ᠦᠷᠨᠢᠬᠦᠯᠵᠦ᠂ ᠨᠢᠬᠡᠳᠦᠬᠡᠷ ᠹᠷᠦᠨᠲ ᠲᠡᠭᠡᠷ᠎ᠡ ᠠᠵᠢᠯᠯᠠᠬᠤ ᠠᠷᠭ᠎ᠠ ᠶᠢ ᠪᠦᠬᠦ ᠬᠦᠴᠦᠨ ᠢᠶᠠᠷ | ᠬᠡᠷᠡᠭᠵᠢᠬᠦᠯᠦᠨ᠂ ᠺᠠᠳ᠋ᠷ ᠤᠨ ᠡᠩᠨᠡᠬᠡᠨ ᠤ ᠦᠵᠡᠯ ᠰᠠᠨᠠᠭᠠᠨ ᠤ ᠲᠠᠨᠢᠯᠳᠠ᠂ ᠠᠵᠢᠯ ᠤᠨ ᠰᠤᠷᠳᠠᠯ ᠣᠯᠠᠮ ᠨᠢᠬᠡ | ᠠᠯᠬᠤᠮ ᠬᠤᠪᠢᠷᠠᠯᠳᠠ ᠲᠠᠢ ᠪᠤᠯᠪᠠ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠬᠠᠤᠯᠢ ᠴᠠᠭᠠᠵᠠ ᠶᠢᠨ ᠬᠢᠨᠠᠯᠳᠠ᠂ ᠤᠯᠤᠰ ᠲᠦᠷᠦ ᠶᠢᠨ ᠵᠦᠪᠯᠡᠯᠬᠡᠨ ᠤ | ᠠᠷᠠᠳᠴᠢᠯᠠᠯ ᠤᠨ ᠬᠢᠨᠡᠯᠳᠡ ᠪᠠ ᠨᠡᠶᠢᠬᠡᠮ ᠤᠨ ᠬᠢᠨᠡᠯᠳᠡ ᠶᠢ ᠤᠬᠠᠮᠰᠠᠷ ᠠᠴᠠ ᠪᠠᠨ ᠬᠦᠯᠢᠶᠡᠨ ᠠᠪᠴᠤ᠂ | ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠵᠦᠪᠯᠡᠯᠬᠡ ᠶᠢ ᠨᠡᠶᠢᠳᠡ 280 ᠬᠤᠪᠢ᠂ ᠤᠯᠤᠰ ᠲᠦᠷᠦ | ᠶᠢᠨ ᠵᠦᠪᠯᠡᠯᠬᠡᠨ ᠤ ᠬᠡᠰᠢᠬᠦᠨ ᠤ ᠲᠤᠷᠠᠳᠤᠯᠭ᠎ᠠ ᠶᠢ 182 ᠬᠤᠪᠢ ᠬᠦᠢᠴᠡᠳᠬᠡᠨ᠂ ᠬᠦᠢᠴᠡᠳᠬᠡᠭᠰᠡᠨ ᠨᠤᠷᠮ᠎ᠠ | 100% ᠳᠤ ᠬᠦᠷᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠬᠦᠴᠦ ᠪᠠᠷ ᠠᠬᠢᠭᠤᠯᠤᠨ᠂ ᠵᠠᠰᠠᠭ | ᠵᠠᠬᠢᠷᠭᠠᠨ ᠤ ᠳᠤᠷᠭᠠᠭᠤᠯᠢ ᠶᠢᠨ ᠴᠢᠯᠤᠬᠡᠳᠦ ᠲᠠᠰᠣᠯᠠᠯᠳᠠ ᠶᠢᠨ ᠡᠷᠬᠡ ᠶᠢ ᠲᠦᠷᠢᠮᠵᠢᠬᠦᠯᠵᠦ᠂ ᠵᠠᠰᠠᠭ ᠵᠠᠬᠢᠷᠭᠠᠨ ᠤ | ᠬᠠᠤᠯᠢ ᠬᠡᠷᠡᠭᠵᠢᠬᠦᠯᠬᠦ ᠲᠦᠪᠰᠢᠨ ᠢᠯᠡᠷᠬᠡᠢ ᠲᠡᠭᠡᠭᠰᠢᠯᠡᠪᠡ᠃ 91 ᠬᠤᠪᠢ ᠲᠦᠷᠢᠮᠵᠢᠬᠦᠯᠦᠭᠰᠡᠨ ᠪᠢᠴᠢᠭ ᠮᠠᠲ᠋ᠧᠷᠢᠶᠠᠯ | ᠢ ᠴᠡᠪᠡᠷᠯᠡᠨ᠂ ᠲᠤᠰᠬᠠᠢ ᠮᠡᠷᠬᠡᠵᠢᠯᠳᠡᠨ ᠠᠴᠠ ᠠᠰᠠᠭᠤᠵᠤ ᠯᠠᠪᠯᠠᠬᠤ᠂ ᠵᠠᠷ ᠨᠡᠶᠢᠳᠡᠯᠡᠨ ᠬᠡᠷᠡᠴᠢᠯᠡᠯᠳᠡ ᠰᠤᠨᠤᠰᠬᠤ᠂ | ᠨᠡᠶᠢᠬᠡᠮ ᠤᠨ ᠲᠤᠭᠳᠠᠭᠤᠨ ᠤ ᠲᠦᠭᠰᠢᠬᠦᠷᠢ ᠳᠤ ᠦᠨᠡᠯᠡᠯᠳᠡ ᠬᠢᠬᠦ ᠵᠡᠷᠬᠡ ᠲᠦᠷᠢᠮ ᠲᠤᠭᠳᠠᠭᠠᠯ ᠪᠦᠳᠦᠮᠵᠢᠳᠡᠢ | ᠨᠠᠶᠢᠳᠠᠪᠤᠷᠢᠵᠢᠪᠠ᠃ ᠵᠠᠰᠠᠭ ᠵᠠᠬᠢᠷᠭᠠᠨ ᠤ ᠬᠢᠨᠡᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠬᠦᠨᠵᠡᠬᠡᠢ | ᠠᠬᠢᠭᠤᠯᠤᠭᠳᠠᠨ᠂ ᠨᠢᠬᠡ ᠪᠦᠯᠦᠭ ᠬᠢᠨᠡᠨ ᠵᠦᠪᠰᠢᠶᠡᠷᠡᠬᠦ ᠲᠦᠷᠦᠯ ᠵᠤᠶᠢᠯ ᠪᠤᠯᠤᠨ 76 ᠲᠦᠷᠦᠯ ᠤᠨ ᠵᠠᠰᠠᠭ | ᠵᠠᠬᠢᠷᠭ᠎ᠠ ᠪᠠ ᠠᠵᠢᠯ ᠤᠶᠢᠯᠡᠰ ᠤᠨ ᠴᠢᠨᠠᠷᠲᠠᠢ ᠰᠦᠢᠳᠬᠡᠯ ᠬᠤᠷᠢᠶᠠᠬᠤ ᠶᠢ ᠦᠬᠡᠶᠢᠰᠬᠡᠪᠡ᠃ ᠰᠤᠮᠤ ᠪᠠᠯᠭᠠᠰᠤ᠂ | ᠭᠠᠴᠠᠭ᠎ᠠ ᠲᠤᠰᠬᠤᠨ ᠤ ᠬᠤᠭᠤᠴᠠᠭ᠎ᠠ ᠰᠤᠯᠢᠵᠤ ᠰᠤᠩᠭᠤᠭᠤᠯᠢ ᠬᠢᠬᠦ ᠠᠵᠢᠯ ᠢ ᠪᠡᠶᠡᠯᠡᠬᠦᠯᠪᠡ᠃ ᠭᠠᠴᠠᠭ᠎ᠠ | ᠲᠤᠰᠬᠤᠨ ᠤ ᠠᠷᠠᠳᠴᠢᠯᠡᠯ ᠢᠶᠠᠷ ᠬᠠᠮᠢᠶᠠᠷᠤᠯᠳᠠ ᠬᠢᠬᠦ᠂ ᠠᠷᠠᠳᠴᠢᠯᠡᠯ ᠢᠶᠠᠷ ᠡᠳ᠋ ᠤᠨ ᠶᠠᠪᠤᠳᠠᠯ ᠢ ᠬᠠᠮᠢᠶᠠᠷᠬᠤ | ᠪᠤᠯᠤᠨ ᠲᠤᠰᠬᠤᠨ ᠤ ᠠᠷᠠᠳ ᠤᠨ ᠦᠪᠡᠷᠳᠡᠬᠡᠨ ᠵᠠᠰᠠᠬᠤ ᠶᠢ ᠠᠬᠢᠭᠤᠯᠪᠠ᠃ ᠡᠶ᠎ᠡ ᠵᠤᠬᠢᠴᠠᠩᠭᠤᠢ ᠠᠮᠤᠷ | ᠲᠤᠭᠳᠠᠭᠤᠨ ᠨᠡᠶᠢᠬᠡᠮ ᠤᠨ ᠤᠷᠴᠢᠨ ᠢ ᠪᠠᠶᠢᠭᠤᠯᠬᠤ ᠪᠠᠷ ᠬᠠᠷᠠᠯᠳᠠ ᠪᠤᠯᠭᠠᠨ᠂ ᠨᠡᠶᠢᠬᠡᠮ ᠤᠨ ᠵᠦᠷᠢᠴᠡᠯ ᠢ | ᠦᠬᠡᠶᠢᠰᠬᠡᠬᠦ᠂ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠬᠦ᠂ ᠲᠦᠪ ᠭᠤᠤᠯᠴᠢ ᠠᠷᠢᠭᠤᠨ ᠴᠢᠬᠡᠴᠢ ᠪᠠᠷ | ᠬᠠᠤᠯᠢ ᠬᠡᠷᠡᠭᠵᠢᠬᠦᠯᠬᠦ ᠭᠤᠷᠪᠠᠨ ᠭᠤᠤᠯᠳᠠᠯᠭ᠎ᠠ ᠶᠢ ᠲᠤᠪᠤᠶᠢᠯᠭᠠᠨ᠂ ᠨᠠᠮ ᠤᠨ ᠬᠤᠷᠢᠶ᠎ᠠ ᠤᠳᠤᠷᠢᠳᠤᠭᠰᠠᠨ᠂ ᠵᠠᠰᠠᠭ | ᠤᠨ ᠤᠷᠳᠤᠨ ᠬᠠᠷᠢᠭᠤᠴᠠᠭᠰᠠᠨ᠂ ᠨᠡᠶᠢᠬᠡᠮ ᠠᠴᠠ ᠬᠠᠮᠵᠢᠯᠴᠠᠭᠰᠠᠨ᠂ ᠤᠯᠠᠨ ᠲᠦᠮᠡᠨ ᠤᠷᠤᠯᠴᠠᠭᠰᠠᠨ ᠨᠡᠶᠢᠬᠡᠮ | ᠤᠨ ᠬᠠᠮᠢᠶᠠᠷᠤᠯᠳᠠ ᠶᠢᠨ ᠪᠠᠶᠢᠳᠠᠯ ᠲᠠᠰᠤᠷᠠᠯᠳᠠ ᠦᠬᠡᠢ ᠲᠡᠬᠦᠯᠳᠡᠷᠵᠢᠪᠡ᠃《 ᠲᠠᠪᠤᠳᠤᠭᠠᠷ ᠲᠠᠪᠤᠨ ᠵᠢᠯ》 ᠤᠨ | ᠬᠠᠤᠯᠢ ᠲᠦᠬᠡᠮᠡᠯᠵᠢᠬᠦᠯᠬᠦ ᠡᠬᠦᠷᠬᠡ ᠶᠢ ᠠᠮᠵᠢᠯᠳᠠ ᠲᠠᠢ ᠪᠡᠶᠡᠯᠡᠬᠦᠯᠦᠨ《 ᠵᠢᠷᠭᠤᠳᠤᠭᠠᠷ ᠲᠠᠪᠤᠨ ᠵᠢᠯ 》 ᠤᠨ | ᠬᠠᠤᠯᠢ ᠲᠦᠬᠡᠮᠡᠯᠵᠢᠬᠦᠯᠬᠦ ᠠᠵᠢᠯ ᠢ ᠡᠬᠢᠯᠡᠬᠦᠯᠵᠦ᠂ ᠪᠦᠬᠦ ᠣᠷᠤᠨ ᠤ《 ᠲᠠᠪᠤᠳᠤᠭᠠᠷ ᠲᠠᠪᠤᠨ ᠵᠢᠯ ᠤᠨ ᠬᠠᠤᠯᠢ | ᠲᠦᠭᠡᠮᠡᠯᠵᠢᠬᠦᠯᠦᠭᠰᠡᠨ ᠲᠡᠷᠢᠬᠦᠨ ᠤ ᠬᠠᠮᠳᠤ ᠨᠢᠬᠡᠴᠡ》ᠬᠡᠮᠡᠬᠦ ᠢᠷᠠᠭᠤ ᠠᠯᠳᠠᠷ ᠢ ᠬᠦᠷᠳᠡᠪᠡ᠃ ᠵᠠᠬᠢᠳᠠᠯ | ᠰᠣᠷᠪᠤᠯᠵᠢᠯᠠᠭ᠎ᠠ ᠪᠤᠯᠤᠨ ᠲᠤᠭᠳᠠᠭᠤᠨ ᠢ ᠬᠠᠮᠠᠭᠠᠯᠠᠬᠤ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠬᠡᠷ | ᠪᠡᠶᠢᠰᠢᠩ ᠢ ᠲᠠᠳᠠᠪᠤᠷᠢᠯᠠᠬᠤ᠂ ᠡᠬᠢ ᠪᠠᠶᠠᠯᠢᠭ ᠢ ᠨᠡᠬᠡᠬᠡᠨ ᠠᠰᠢᠭᠯᠠᠬᠤ ᠵᠡᠷᠬᠡ ᠲᠠᠯ᠎ᠠ ᠳᠠᠬᠢ ᠠᠯᠢ ᠣᠯᠠᠨ ᠵᠦᠷᠢᠴᠡᠯ | ᠪᠤᠯᠤᠨ ᠠᠰᠠᠭᠤᠳᠠᠯ ᠪᠦᠳᠦᠮᠵᠢᠳᠡᠢ ᠰᠢᠢᠳᠪᠦᠷᠢᠯᠡᠭᠳᠡᠪᠡ᠃ ᠠᠮᠤᠷ ᠲᠤᠭᠳᠠᠭᠤᠨ ᠠᠯᠠᠱᠠ ᠵᠡᠬᠦᠨ ᠬᠤᠰᠢᠭᠤ ᠶᠢ | ᠴᠤᠭᠴᠠᠯᠠᠨ ᠪᠠᠶᠢᠭᠤᠯᠬᠤ ᠠᠵᠢᠯᠯᠭ᠎ᠠ ᠶᠢ ᠦᠷᠨᠢᠬᠦᠯᠦᠨ᠂ ᠡᠷᠡᠬᠦᠦ ᠶᠢᠨ ᠶᠠᠯᠠᠳᠤ ᠠᠵᠢᠯᠯᠠᠭ᠎ᠠ ᠳᠤ ᠬᠦᠨᠳᠦ ᠴᠤᠬᠢᠯᠳᠠ | ᠦᠭᠴᠦ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨᠬᠦ ᠪᠠᠳᠤᠯᠠᠨ᠂ ᠨᠡᠶᠢᠬᠡᠮ | ᠤᠨ ᠡᠶ᠎ᠡ ᠵᠤᠬᠢᠴᠠᠩᠭᠤᠢ ᠲᠤᠭᠳᠠᠭᠤᠨ ᠢ ᠪᠠᠳᠤᠯᠠᠪᠠ᠃ ᠠᠶᠤᠯᠬᠦᠢ ᠤᠶᠢᠯᠡᠳᠪᠦᠷᠢᠯᠡᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠪᠤᠯᠤᠨ ᠡᠯ᠎ᠡ ᠲᠦᠷᠦᠯ ᠤᠨ ᠳᠤᠰᠬᠠᠢ ᠵᠠᠰᠠᠨ ᠴᠡᠭᠴᠡᠯᠡᠬᠦ ᠠᠵᠢᠯᠯᠠᠭ᠎ᠠ ᠶᠢ ᠬᠢᠨᠠᠮᠠᠭᠠᠢ | ᠨᠠᠶᠢᠳᠠᠪᠤᠷᠢᠵᠢᠭᠤᠯᠤᠨ᠂ ᠬᠦᠨᠳᠦ ᠤᠨᠴᠠ ᠶᠡᠭᠡ ᠠᠳᠡᠯ ᠭᠠᠷᠬᠤ ᠶᠢ ᠬᠤᠷᠢᠭᠯᠠᠵᠤ᠂ ᠠᠶᠤᠯᠬᠦᠢ ᠦᠢᠯᠡᠳᠪᠦᠷᠢᠯᠡᠯ ᠤᠨ | ᠪᠠᠶᠢᠳᠠᠯ ᠦᠷᠬᠦᠯᠵᠢᠯᠡᠨ ᠯᠠᠪᠳᠠᠭᠤᠨ ᠢᠶᠠᠷ ᠰᠠᠶᠢᠵᠢᠷᠠᠪᠠ᠃ ᠬᠤᠶᠠᠷ ᠢ ᠬᠦᠷᠢᠶᠡᠯᠡᠵᠦ ᠬᠠᠮᠳᠤᠪᠠᠷ ᠪᠠᠶᠢᠭᠤᠯᠬᠤ ᠠᠵᠢᠯ | ᠢ ᠦᠷᠬᠦᠯᠵᠢᠯᠡᠨ ᠴᠢᠩᠭᠠᠳᠬᠠᠵᠤ᠂ ᠵᠠᠯᠭᠠᠪᠠᠷ 6 ᠣᠳᠠᠭ᠎ᠠ ᠪᠦᠬᠦ ᠤᠷᠤᠨ ᠤ《 ᠬᠤᠶᠠᠷ ᠢ ᠬᠦᠷᠢᠶᠡᠯᠡᠬᠦ ᠵᠢᠱᠢᠶᠡᠴᠢ | ᠬᠤᠰᠢᠭᠤ》 ᠪᠠᠷ ᠴᠤᠯᠠᠯᠠᠭᠳᠠᠪᠠ᠃ ᠬᠢᠨᠠᠨ ᠪᠤᠳᠤᠯᠳᠠ᠂ ᠬᠢᠨᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ | ᠴᠢᠩᠭᠠᠳᠬᠠᠵᠤ᠂ ᠵᠢᠵᠢᠭ ᠵᠤᠭᠤᠰ ᠤᠨ ᠬᠦᠮᠦᠷᠬᠡ᠂ ᠠᠯᠪᠠᠨ ᠤ ᠲᠡᠷᠬᠡ ᠵᠡᠷᠬᠡ ᠶᠢᠨ ᠲᠤᠰᠬᠠᠢ ᠴᠡᠭᠴᠡᠯᠡᠯᠳᠡ ᠶᠢ | ᠲᠦᠪᠯᠡᠷᠡᠬᠦᠯᠦᠨ ᠦᠷᠨᠢᠬᠦᠯᠵᠦ᠂ ᠡᠯ᠎ᠡ ᠲᠦᠷᠦᠯ ᠤᠨ ᠬᠠᠣᠯᠢ ᠰᠠᠬᠢᠯᠭ᠎ᠠ ᠠᠴᠠ ᠵᠦᠷᠢᠴᠡᠭᠰᠡᠨ ᠬᠡᠷᠡᠭ ᠵᠠᠷᠭᠤ ᠶᠢ | ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠦ᠂ ᠠᠷᠠᠳ ᠤᠨ ᠲᠦᠯᠦᠬᠡ᠂ ᠪᠤᠳᠠᠳᠠᠢ ᠶᠢ ᠡᠷᠬᠢᠮᠯᠡᠬᠦ᠂ ᠠᠷᠢᠭᠤᠨ | ᠴᠢᠬᠡᠴᠢ ᠵᠠᠰᠠᠭ ᠤᠨ ᠤᠷᠳᠤᠨ ᠤ ᠲᠦᠷᠢ ᠲᠦᠷᠬᠦ ᠶᠢ ᠪᠤᠢ ᠪᠤᠯᠭᠠᠪᠠ᠃ | ᠦᠩᠬᠡᠷᠡᠭᠰᠡᠨ ᠲᠠᠪᠤᠨ ᠵᠢᠯ ᠤᠨ ᠲᠡᠤᠬᠡ ᠶᠢ ᠡᠷᠬᠢᠴᠡᠬᠦᠯᠪᠡᠯ᠂ ᠪᠢᠳᠡ ᠤᠯᠤᠰ ᠤᠨ ᠲᠤᠳᠤᠭᠠᠳᠤ ᠭᠠᠳᠠᠭᠠᠳᠤ ᠶᠢᠨ | ᠭᠦᠭᠵᠢᠯᠳᠡ ᠶᠢᠨ ᠤᠷᠴᠢᠨ ᠤ ᠪᠤᠳᠤᠯᠢᠶᠠᠨᠳᠠᠢ ᠬᠤᠪᠢᠷᠠᠯᠳᠠ ᠶᠢ ᠦᠩᠬᠡᠷᠡᠭᠡᠨ᠂ ᠮᠠᠰᠢ ᠤᠯᠠᠨ ᠲᠤᠮᠤ ᠬᠡᠷᠡᠭ | ᠬᠦᠴᠢᠷ ᠬᠡᠷᠡᠭ ᠪᠠᠴᠢᠮ ᠬᠡᠷᠡᠭ ᠤᠨ ᠬᠠᠳᠠᠭᠤ ᠰᠢᠯᠭᠠᠯᠳᠠ ᠶᠢ ᠦᠩᠬᠡᠷᠡᠬᠡᠪᠡ᠃ ᠲᠡᠯᠡᠬᠡᠢ ᠶᠢᠨ ᠮᠦᠩᠬᠦᠨ | ᠬᠦᠢᠯᠬᠡᠬᠡᠨ ᠤ ᠬᠢᠮᠦᠷᠠᠯ ᠪᠤᠯᠤᠨ ᠡᠸᠦ᠋ᠷᠦᠫᠠ ᠶᠢᠨ ᠦᠭᠴᠡᠬᠡᠨ ᠤ ᠬᠢᠮᠦᠷᠡᠯ ᠤᠨ ᠬᠦᠨᠳᠦ ᠨᠤᠴᠢᠳᠠᠢ ᠲᠠᠭᠠᠷᠢᠯᠳᠠ | ᠤᠨ ᠡᠮᠦᠨ᠎ᠡ᠂ ᠪᠢᠳᠡ ᠢᠳᠡᠪᠬᠢᠳᠡᠢ ᠠᠷᠭ᠎ᠠ ᠬᠡᠮᠵᠢᠶ᠎ᠡ ᠠᠪᠴᠤ᠂ ᠲᠦᠭᠰᠢᠬᠦᠷᠢ ᠶᠢ ᠲᠤᠬᠢᠶᠠᠯ ᠪᠤᠯᠭᠠᠨ᠂ ᠠᠵᠤ ᠠᠬᠤᠢ | ᠨᠡᠶᠢᠬᠡᠮ ᠤᠨ ᠲᠤᠭᠳᠠᠭᠤᠨ ᠨᠡᠯᠢᠶᠡᠳ ᠬᠤᠷᠳᠤᠨ ᠬᠦᠭᠵᠢᠯᠳᠡ ᠶᠢ ᠪᠡᠶᠡᠯᠡᠬᠦᠯᠪᠡ᠃ ᠦᠬᠡᠷᠡᠴᠢᠯᠡᠯᠳᠡ ᠬᠦᠭᠵᠢᠯᠳᠡ | ᠶᠢᠨ ᠰᠢᠨ᠎ᠡ ᠪᠠᠶᠢᠳᠠᠯ᠂ ᠰᠢᠨ᠎ᠡ ᠡᠬᠦᠷᠬᠡ ᠶᠢᠨ ᠡᠮᠦᠨ᠎ᠡ᠂ ᠪᠢᠳᠡ ᠲᠠᠨᠢᠯᠳᠠ ᠪᠠᠨ ᠰᠢᠨᠡᠳᠬᠡᠨ᠂ ᠦᠨᠳᠦᠷ ᠪᠠᠷᠢᠮᠵᠢᠶ᠎ᠠ | ᠪᠠᠷ ᠲᠦᠯᠦᠪᠯᠡᠨ᠂ ᠬᠦᠭᠵᠢᠯᠳᠡ ᠶᠢᠨ ᠴᠢᠭᠯᠡᠯ᠂ ᠭᠤᠤᠯ ᠴᠤᠭᠴᠠ ᠶᠢᠨ ᠪᠠᠶᠢᠯᠳᠤᠬᠤ ᠪᠤᠳᠤᠯᠭ᠎ᠠ ᠪᠤᠯᠤᠨ ᠶᠡᠷᠦᠩᠬᠡᠢ | ᠠᠵᠢᠯ ᠤᠨ ᠲᠤᠬᠢᠷᠠᠭᠤᠯᠤᠯᠳᠠ ᠪᠠᠨ ᠤᠯᠠᠮ ᠨᠢᠬᠡ ᠠᠯᠬᠤᠮ ᠲᠤᠳᠤᠷᠠᠭᠤᠯᠤᠨ᠂ ᠬᠦᠭᠵᠢᠯᠳᠡ ᠪᠠᠨ ᠳᠦᠷᠬᠡᠳᠬᠡᠨ᠂ | ᠬᠦᠭᠵᠢᠯᠳᠡ ᠶᠢᠨ ᠬᠡᠯᠪᠡᠷᠢ ᠪᠠᠨ ᠲᠦᠷᠬᠡᠳᠬᠡᠨ ᠬᠤᠪᠢᠷᠠᠭᠤᠯᠵᠤ ᠰᠢᠨ᠎ᠡ ᠠᠶᠠᠨ ᠵᠠᠮ ᠢᠶᠠᠨ ᠡᠬᠢᠯᠡᠬᠦᠯᠪᠡ᠃ ᠲᠠᠪᠤᠨ | ᠵᠢᠯ ᠤᠨ ᠠᠮᠢᠳᠤᠯᠢᠭ ᠠᠵᠢᠯᠯᠠᠭ᠎ᠠ ᠠᠴᠠ ᠪᠢᠳᠡ ᠰᠢᠨ᠎ᠡ ᠪᠠᠶᠢᠳᠠᠯ ᠲᠤᠤᠷᠠᠬᠢ ᠵᠠᠰᠠᠭ ᠤᠨ ᠤᠷᠳᠤᠨ ᠤ ᠠᠵᠢᠯ ᠢ | ᠰᠠᠶᠢᠳᠤᠷ ᠬᠢᠬᠦ ᠳᠤ ᠡᠷᠬᠡᠪᠰᠢ ᠲᠤᠤᠷᠠᠬᠢ ᠵᠠᠷᠴᠢᠮ ᠢ ᠪᠠᠷᠢᠮᠳᠠᠯᠠᠬᠤ ᠬᠡᠷᠡᠭᠳᠡᠢ ᠬᠡᠳᠡᠭ ᠢ ᠬᠦᠨᠵᠡᠬᠡᠢ ᠤᠶᠢᠯᠠᠭᠠᠪᠠ᠄ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠨᠢᠬᠡᠳᠦᠬᠡᠷ ᠴᠢᠬᠤᠯᠠ ᠶᠠᠪᠤᠳᠠᠯ ᠢ ᠢᠮᠠᠭᠳᠠ ᠲᠤᠪᠤᠶᠢᠯᠭᠠᠨ᠂ ᠴᠠᠭ ᠢ | ᠦᠵᠡᠵᠦ ᠪᠠᠶᠢᠳᠠᠯ ᠢ ᠰᠢᠨᠵᠢᠨ ᠬᠦᠭᠵᠢᠯᠳᠡ ᠶᠢ ᠲᠦᠰᠦᠪᠯᠡᠨ᠂ ᠲᠤᠬᠢᠶᠠᠯ ᠢ ᠴᠢᠩᠭ᠎ᠠ ᠠᠳᠬᠤᠨ ᠬᠦᠭᠵᠢᠯᠳᠡ ᠶᠢ | ᠠᠬᠢᠭᠤᠯᠵᠤ᠂ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ᠂ ᠬᠠᠮᠳᠤᠷᠠᠨ ᠬᠦᠭᠵᠢᠬᠦᠯᠬᠦ᠂ ᠰᠢᠨ᠎ᠡ ᠶᠢ ᠡᠬᠦᠳᠦᠨ | ᠬᠦᠭᠵᠢᠬᠦᠯᠬᠦ᠂ ᠲᠠᠪᠠᠯᠳᠠ ᠲᠠᠢ ᠬᠦᠭᠵᠢᠬᠦᠯᠬᠦ ᠶᠢ ᠲᠠᠰᠣᠷᠠᠯᠳᠠ ᠦᠬᠡᠢ ᠠᠬᠢᠭᠤᠯᠬᠤ ᠬᠡᠷᠡᠭᠳᠡᠢ︔ ᠬᠦᠮᠦᠨ ᠢᠶᠠᠷ | ᠦᠨᠳᠦᠰᠦ ᠪᠤᠯᠭᠠᠬᠤ ᠨᠢᠬᠡᠳᠦᠬᠡᠷ ᠤᠳᠤᠷᠢᠳᠤᠮᠵᠢ ᠶᠢ ᠢᠮᠠᠭᠳᠠ ᠲᠤᠪᠤᠶᠢᠯᠭᠠᠨ᠂ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ ᠶᠢ ᠠᠯᠢᠪᠠ ᠠᠵᠢᠯ ᠤᠨ ᠡᠬᠢᠯᠡᠯᠳᠡ ᠪᠤᠯᠤᠨ ᠲᠡᠬᠦᠰᠬᠡᠯ ᠢᠶᠠᠨ ᠪᠤᠯᠭᠠᠵᠤ᠂ ᠠᠷᠠᠳ ᠤᠨ | ᠲᠦᠯᠦᠬᠡ ᠬᠦᠭᠵᠢᠬᠦᠯᠬᠦ᠂ ᠭᠦᠭᠵᠢᠯᠳᠡ ᠨᠢ ᠠᠷᠠᠳ ᠲᠦᠮᠡᠨ ᠢ ᠲᠦᠰᠢᠭᠯᠡᠬᠦ ᠶᠢ ᠪᠠᠷᠢᠮᠳᠠᠯᠠᠨ᠂ ᠬᠦᠭᠵᠢᠯᠳᠡ ᠶᠢᠨ | ᠦᠷ᠎ᠡ ᠪᠦᠳᠦᠬᠡᠯ ᠢ ᠪᠦᠬᠦ ᠬᠤᠰᠢᠭᠤᠨ ᠤ ᠠᠷᠠᠳ ᠲᠦᠮᠡᠨ ᠳᠤ ᠨᠡᠩ ᠲᠦᠬᠡᠮᠡᠯ᠂ ᠨᠡᠩ ᠬᠦᠢᠴᠡᠳ ᠡᠳ᠋ᠯᠡᠬᠦᠯᠬᠦ | ᠬᠡᠷᠡᠭᠳᠡᠢ︔ ᠦᠬᠡᠷᠡᠴᠢᠯᠡᠯᠳᠡ ᠬᠢᠵᠦ ᠴᠢᠯᠦᠬᠡᠳᠡᠢ ᠶᠠᠪᠤᠯᠴᠠᠬᠤ ᠨᠢᠬᠡᠳᠦᠬᠡᠷ ᠬᠦᠳᠡᠯᠬᠡᠭᠴᠢ ᠬᠦᠴᠦᠨ ᠢ ᠢᠮᠠᠭᠳᠠ | ᠲᠤᠪᠤᠶᠢᠯᠭᠠᠨ᠂ ᠲᠠᠨᠢᠯᠳᠠ ᠶᠢᠨ ᠰᠢᠨ᠎ᠡ ᠶᠢ ᠡᠬᠦᠳᠦᠨ᠂ ᠲᠤᠬᠢᠶᠠᠯ ᠣᠨᠰᠢᠨᠡ ᠶᠢ ᠡᠬᠦᠳᠦᠨ᠂ ᠤᠷᠴᠢᠨ ᠲᠤᠭᠤᠷᠢᠨ | ᠤ ᠰᠢᠨ᠎ᠡ ᠶᠢ ᠡᠬᠦᠳᠦᠨ᠂ ᠪᠦᠬᠦ ᠲᠠᠯ᠎ᠠ᠂ ᠦᠷᠬᠡᠨ ᠬᠦᠷᠢᠶ᠎ᠡ ᠴᠡᠷ᠎ᠡ᠂ ᠤᠯᠠᠨ ᠠᠷᠭ᠎ᠠ ᠵᠠᠮ ᠲᠠᠢ ᠬᠦᠭᠵᠢᠯᠳᠡ ᠶᠢᠨ | ᠰᠢᠨ᠎ᠡ ᠲᠠᠪᠠᠭᠤᠯᠢᠭ ᠢ ᠴᠢᠷᠮᠠᠶᠢᠨ ᠡᠬᠦᠳᠬᠦ ᠬᠡᠷᠡᠭᠳᠡᠢ︔ ᠦᠨᠡᠨᠬᠦ ᠠᠳᠬᠤᠨ ᠪᠤᠳᠠᠳᠠᠢ ᠠᠵᠢᠯᠯᠠᠬᠤ ᠨᠢᠬᠡᠳᠦᠬᠡᠷ | ᠬᠠᠷᠢᠭᠤᠴᠠᠯᠭ᠎ᠠ ᠶᠢ ᠢᠮᠠᠭᠳᠠ ᠲᠤᠪᠤᠶᠢᠯᠭᠠᠨ᠂ ᠪᠤᠳᠠᠳᠠᠢ ᠶᠢ ᠨᠢᠬᠡᠳᠦᠬᠡᠷ ᠲᠤ ᠲᠠᠯᠪᠢᠵᠤ᠂ ᠬᠢᠬᠦ ᠶᠢ ᠤᠷᠢᠳᠠᠯ | ᠪᠤᠯᠭᠠᠬᠤ ᠶᠢ ᠪᠠᠷᠢᠮᠳᠠᠯᠠᠵᠤ᠂ ᠭᠤᠤᠯᠳᠠᠯᠭ᠎ᠠ ᠪᠠᠨ ᠲᠤᠭᠤᠷᠢᠨ ᠬᠦᠭᠵᠢᠯᠳᠡ ᠶᠢ ᠠᠳᠬᠤᠨ᠂ ᠦᠨᠳᠦᠰᠦᠨ ᠱᠠᠳᠤᠨ | ᠳᠤ ᠬᠦᠨᠵᠡᠬᠡᠶᠢᠷᠡᠨ ᠨᠠᠶᠢᠳᠠᠪᠤᠷᠢᠵᠢᠭᠤᠯᠤᠯᠳᠠ ᠶᠢ ᠠᠳᠬᠤᠵᠤ᠂ ᠠᠵᠢᠯ ᠢᠶᠠᠨ ᠡᠷᠴᠢᠮᠳᠡᠢ ᠡᠮᠬᠢ ᠲᠠᠷᠠᠭ᠎ᠠ ᠲᠠᠢ | ᠦᠷ᠎ᠡ ᠪᠦᠳᠦᠮᠵᠢ ᠲᠠᠢ ᠦᠷᠨᠢᠬᠦᠯᠬᠦ ᠶᠢ ᠠᠬᠢᠭᠤᠯᠬᠤ ᠬᠡᠷᠡᠭᠳᠡᠢ︔ ᠬᠠᠤᠯᠢ ᠶᠤᠰᠤᠭᠠᠷ ᠵᠠᠰᠠᠭ ᠶᠠᠪᠤᠭᠤᠯᠬᠤ ᠨᠢᠬᠡᠳᠦᠬᠡᠷ | ᠲᠦᠷᠢᠮ ᠢ ᠢᠮᠠᠭᠲᠠ ᠲᠤᠪᠤᠶᠢᠯᠭᠠᠨ᠂ ᠠᠵᠢᠯ ᠤᠨ ᠬᠦᠢᠴᠡᠳᠬᠡᠬᠦ ᠬᠦᠴᠦᠨ᠂ ᠰᠢᠨ᠎ᠡ ᠶᠢ ᠡᠬᠦᠳᠬᠦ ᠬᠦᠴᠦᠨ᠂ | ᠨᠢᠭᠳᠠᠷᠠᠯ ᠤᠨ ᠬᠦᠴᠦᠨ ᠪᠤᠯᠤᠨ ᠳᠦᠪᠯᠡᠷᠡᠩᠬᠦᠢ ᠬᠦᠴᠦᠨ ᠢ ᠲᠠᠰᠣᠷᠠᠯᠳᠠ ᠦᠬᠡᠢ ᠨᠡᠮᠡᠭᠳᠡᠬᠦᠯᠵᠦ᠂ ᠠᠷᠠᠳ ᠲᠦᠮᠡᠨ | ᠳᠤ ᠲᠠᠭᠠᠯᠠᠭᠳᠠᠭᠰᠠᠨ ᠦᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠤᠷᠳᠤᠨ ᠢ ᠴᠢᠷᠮᠠᠶᠢᠨ ᠪᠠᠶᠢᠭᠤᠯᠬᠤ | ᠬᠡᠷᠡᠭᠳᠡᠢ᠃ | ᠲᠦᠯᠦᠭᠡᠯᠡᠭᠴᠢᠳ ᠡ︕ ᠦᠩᠬᠡᠷᠡᠭᠰᠡᠨ ᠲᠠᠪᠤᠨ ᠵᠢᠯ ᠪᠤᠯ ᠮᠠᠨ ᠤ ᠬᠤᠰᠢᠭᠤ ᠦᠷᠢᠰᠦᠯᠳᠦᠬᠡᠨ ᠢ ᠤᠭᠳᠤᠨ᠂ | ᠲᠡᠮᠡᠴᠡᠨ ᠤᠷᠤᠭᠰᠢᠯᠠᠭᠰᠠᠨ ᠲᠠᠪᠤᠨ ᠵᠢᠯ᠂ ᠮᠦᠨᠴᠦ ᠰᠢᠪᠳᠤᠯᠤᠯᠳᠠ ᠲᠠᠪᠠᠯᠳᠠ ᠶᠡᠭᠡ᠂ ᠠᠮᠵᠢᠯᠳᠠ ᠪᠦᠳᠦᠮᠵᠢ ᠡᠯᠪᠡᠭ | ᠲᠠᠪᠤᠨ ᠵᠢᠯ ᠪᠤᠯᠤᠨ᠎ᠠ᠃ ᠲᠠᠪᠤᠨ ᠵᠢᠯ ᠤᠨ ᠲᠤᠷᠰᠢ᠂ ᠪᠢᠳᠡ ᠪᠦᠬᠦ ᠬᠤᠰᠢᠭᠤᠨ ᠤ ᠠᠷᠠᠳ ᠲᠦᠮᠡᠨ ᠤ ᠤᠶᠤᠨ | ᠤᠬᠠᠭᠠᠨ ᠬᠦᠴᠦᠨ ᠴᠢᠳᠠᠯ ᠢ ᠨᠢᠭᠳᠠᠷᠠᠭᠤᠯᠤᠨ᠂ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠵᠤ᠂ ᠡᠷᠡᠯᠬᠡᠭᠯᠡᠨ | ᠲᠡᠮᠡᠴᠡᠨ᠂ ᠯᠠᠪᠳᠠᠭᠤᠨ ᠪᠠᠳᠤᠳᠠᠢ ᠤᠷᠤᠭᠰᠢᠯᠠᠵᠤ᠂ ᠵᠢᠯ ᠲᠠᠷᠠᠭᠠᠯᠠᠨ ᠲᠠᠪᠰᠢᠵᠤ᠂ ᠠᠯᠠᠱᠠ ᠵᠡᠬᠦᠨ ᠬᠤᠰᠢᠭᠤᠨ ᠤ | ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠭᠰᠡᠨ ᠶᠤᠮ᠃ ᠡᠨᠡ ᠪᠤᠯ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠠᠴᠠ ᠪᠦᠬᠦ ᠲᠠᠯ᠎ᠠ ᠶᠢ ᠬᠠᠮᠤᠷᠴᠤ᠂ ᠵᠦᠪ ᠤᠨᠤᠪᠴᠢᠳᠠᠢ | ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ᠂ | ᠤᠯᠤᠰ ᠲᠦᠷᠦ ᠶᠢᠨ ᠵᠦᠪᠯᠡᠯᠬᠡᠨ ᠢᠳᠡᠪᠬᠢᠳᠡᠢ ᠬᠢᠨᠠᠯᠳᠠ ᠲᠠᠯᠪᠢᠵᠤ᠂ ᠶᠡᠭᠡ ᠬᠦᠴᠦᠨ ᠢᠶᠠᠷ ᠲᠡᠮᠵᠢᠭᠰᠡᠨ ᠤ ᠦᠷ᠎ᠡ | ᠳ᠋ᠦᠩ᠂ ᠪᠦᠬᠦ ᠬᠤᠰᠢᠭᠤ ᠪᠠᠷ ᠢᠶᠠᠨ ᠰᠡᠳᠬᠢᠯ ᠨᠢᠬᠡᠳᠴᠦ ᠬᠦᠴᠦ ᠪᠠᠨ ᠬᠠᠮᠳᠤᠳᠬᠠᠨ᠂ ᠰᠢᠭᠤᠷᠬᠠᠶᠢᠯᠠᠨ | ᠲᠡᠮᠡᠴᠡᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤᠨ ᠤ ᠵᠠᠰᠠᠭ ᠤᠨ ᠤᠷᠳᠤᠨ ᠢ ᠲᠦᠯᠦᠬᠡᠯᠡᠨ ᠡᠯ᠎ᠡ | ᠹᠷᠦᠨᠲ ᠲᠡᠭᠡᠷ᠎ᠡ ᠴᠢᠷᠮᠠᠶᠢᠨ ᠠᠵᠢᠯᠯᠠᠵᠤ ᠪᠠᠶᠢᠭ᠎ᠠ ᠪᠦᠬᠦ ᠬᠤᠰᠢᠭᠤᠨ ᠤ ᠦᠷᠬᠡᠨ ᠤᠯᠠᠨ ᠺᠠᠳ᠋ᠷ ᠲᠦᠮᠡᠨ᠂ ᠠᠯᠠᠱᠠ | ᠵᠡᠬᠦᠨ ᠬᠤᠰᠢᠭᠤᠨ ᠤ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠡᠯ᠎ᠡ ᠱᠠᠳᠤᠨ ᠤ ᠤᠳᠤᠷᠢᠳᠤᠯᠭ᠎ᠠ ᠪᠤᠯᠤᠨ | ᠨᠡᠶᠢᠬᠡᠮ ᠤᠨ ᠡᠯ᠎ᠡ ᠡᠳᠡᠬᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠬᠡᠳᠦ | ᠮᠡᠨᠳᠦᠴᠢᠯᠡᠯ ᠢᠶᠠᠨ ᠲᠡᠪᠰᠢᠬᠦᠯᠦᠶ᠎ᠡ︕ | ᠠᠮᠵᠢᠯᠳᠠ ᠪᠦᠳᠦᠮᠵᠢ ᠪᠠᠨ ᠨᠤᠳᠠᠯᠠᠬᠤ ᠶᠢᠨ ᠬᠠᠮᠲᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ | ᠬᠦᠭᠵᠢᠯᠳᠡ ᠶᠢᠨ ᠲᠤᠮᠳᠠ ᠪᠠᠰᠠ ᠡᠳᠦᠢ ᠲᠡᠳᠦᠢ ᠤᠮᠳᠤᠭᠠᠶᠢᠯᠵᠤ ᠪᠤᠯᠤᠰᠢ ᠦᠬᠡᠢ ᠵᠦᠷᠢᠴᠡᠯ ᠪᠤᠯᠤᠨ ᠠᠰᠠᠭᠤᠳᠠᠯ | ᠤᠷᠤᠰᠢᠵᠤ ᠪᠠᠶᠢᠬᠤ ᠶᠢ ᠪᠢᠳᠠ ᠡᠷᠬᠡᠪᠰᠢ ᠰᠡᠷᠭᠡᠭ ᠢᠶᠠᠷ ᠣᠯᠵᠣ ᠬᠠᠷᠠᠬᠤ ᠬᠡᠷᠡᠭᠲᠠᠢ᠃ ᠭᠤᠤᠯᠳᠠᠭᠤ᠄ ᠠᠵᠤ | ᠠᠬᠤᠢ ᠶᠢᠨ ᠶᠡᠷᠦᠩᠬᠡᠢ ᠬᠡᠮᠵᠢᠶ᠎ᠡ ᠶᠡᠭᠡ ᠪᠢᠰᠢ᠂ ᠭᠠᠵᠠᠷ ᠤᠷᠤᠨ ᠤ ᠬᠡᠷᠡᠭᠯᠡᠵᠦ ᠪᠤᠯᠬᠤ ᠡᠳ᠋ ᠤᠨ ᠬᠦᠴᠦ ᠲᠤᠳᠠᠮᠠᠭ | ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ︔ ᠰᠠᠭᠤᠷᠢ ᠲᠦᠬᠦᠬᠡᠷᠦᠮᠵᠢ ᠶᠢᠨ | ᠪᠠᠶᠢᠭᠤᠯᠤᠯᠳᠠ ᠬᠠᠷᠢᠴᠠᠩᠭᠤᠢ ᠪᠠᠷ ᠬᠤᠴᠤᠷᠤᠩᠭᠤᠢ᠂《ᠤᠰᠣ ᠲᠤᠳᠠᠮᠠᠭ ᠵᠠᠮ ᠬᠠᠷᠢᠯᠴᠠᠭ᠎ᠠ ᠲᠦᠬᠦᠮ ᠪᠤᠰᠤ | 》ᠠᠰᠠᠭᠤᠳᠠᠯ ᠦᠨᠳᠦᠰᠦᠨ ᠠᠴᠠ ᠪᠠᠨ ᠰᠢᠢᠳᠪᠦᠷᠢᠯᠡᠭᠳᠡᠭᠡ ᠦᠬᠡᠢ᠃ ᠬᠤᠳᠠ ᠶᠢᠨ ᠬᠠᠮᠢᠶᠠᠷᠤᠯᠳᠠ ᠵᠢᠴᠢ ᠢᠵᠢ | ᠪᠦᠷᠢᠳᠦᠭᠰᠡᠨ ᠤᠶᠢᠯᠡᠴᠢᠯᠡᠭᠡ ᠪᠤᠯᠤᠨ ᠬᠤᠳᠠ ᠶᠢᠨ ᠬᠦᠭᠵᠢᠯᠳᠡ ᠶᠢᠨ ᠱᠠᠭᠠᠷᠳᠠᠯᠭ᠎ᠠ ᠶᠢᠨ ᠬᠤᠭᠤᠷᠤᠨᠳᠤ ᠢᠯᠡᠷᠬᠡᠢ | ᠵᠦᠷᠢᠶ᠎ᠡ ᠲᠠᠢ︔ ᠵᠢᠭᠤᠯᠴᠢᠯᠠᠯ᠂ ᠪᠤᠳᠠᠰ ᠤᠨ ᠬᠦᠢᠯᠬᠡᠬᠡᠨ᠂ ᠮᠦᠩᠬᠦᠨ ᠬᠦᠢᠯᠬᠡᠬᠡ ᠵᠡᠷᠬᠡ ᠤᠳᠤᠬᠢᠴᠢᠯᠠᠭᠰᠠᠨ | ᠤᠶᠢᠯᠡᠴᠢᠯᠡᠬᠡᠨ ᠤ ᠤᠶᠢᠯᠡᠰ ᠤᠨ ᠲᠡᠰ ᠲᠠᠪᠬᠤᠷᠭ᠎ᠠ ᠨᠡᠯᠢᠶᠡᠳ ᠲᠤᠤᠷ᠎ᠠ᠂ ᠠᠵᠤ ᠤᠶᠢᠯᠡᠰ ᠤᠨ ᠲᠠᠶᠢᠴᠢᠯᠠᠨ | ᠲᠠᠭᠠᠭᠤᠯᠬᠤ ᠴᠢᠳᠠᠪᠤᠷᠢ ᠬᠦᠷᠦᠯᠴᠡᠬᠦ ᠦᠬᠡᠢ︔ ᠬᠦᠳᠡᠯᠮᠦᠷᠢᠴᠢᠳ ᠤᠨ ᠠᠵᠢᠯ ᠰᠤᠩᠭᠤᠬᠤ ᠵᠤᠷᠢᠯᠳᠠ ᠪᠤᠯᠤᠨ | ᠠᠵᠢᠯ ᠤᠯᠭᠤᠬᠤ ᠤᠷᠤᠨ ᠪᠠᠶᠢᠷᠢ ᠵᠦᠷᠢᠶ᠎ᠡ ᠲᠠᠢ ᠪᠠᠶᠢᠵᠤ᠂ ᠠᠵᠢᠯ ᠤᠯᠬᠤ ᠪᠠ ᠠᠵᠢᠯᠳᠠᠨ ᠡᠯᠰᠡᠬᠦ ᠳᠤ ᠬᠦᠴᠢᠷ | ᠠᠰᠠᠭᠤᠳᠠᠯ ᠵᠡᠷᠬᠡᠪᠡᠷ ᠤᠷᠤᠰᠢᠵᠤ ᠪᠠᠶᠢᠨ᠎ᠠ︔ ᠡᠬᠢ ᠪᠠᠶᠠᠯᠢᠭ ᠪᠠ ᠤᠷᠴᠢᠨ ᠲᠤᠭᠤᠷᠢᠨ ᠤ ᠬᠦᠯᠢᠶᠡᠰᠦᠯᠡᠯ | ᠬᠡᠴᠡᠬᠦᠳᠡᠨ᠂ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠪᠠᠶᠢᠳᠠᠯ ᠬᠦᠨᠳᠦ ᠨᠤᠴᠢᠳᠠᠢ︔ ᠠᠮᠢ ᠠᠬᠤᠢ ᠶᠢᠨ | ᠪᠦᠳᠦᠬᠡᠨ ᠪᠠᠶᠢᠭᠤᠯᠤᠯᠳᠠ ᠪᠤᠯᠤᠨ ᠬᠠᠮᠠᠭᠠᠯᠠᠯᠳᠠ ᠶᠢᠨ ᠡᠬᠦᠷᠬᠡ ᠮᠦᠨ ᠯᠠ ᠬᠦᠨᠳᠤ ᠪᠠᠶᠢᠭᠰᠠᠭᠠᠷ︔ ᠵᠠᠰᠠᠭ ᠤᠨ | ᠤᠷᠳᠤᠨ ᠤ ᠤᠶᠢᠯᠡᠴᠢᠯᠡᠬᠦ ᠤᠬᠠᠮᠰᠠᠷ᠂ ᠦᠷ᠎ᠡ ᠪᠦᠳᠦᠮᠵᠢ ᠵᠢᠴᠢ ᠴᠢᠬᠡᠴᠢ ᠵᠠᠰᠠᠭ ᠤᠨ ᠪᠠᠶᠢᠭᠤᠯᠤᠯᠳᠠ ᠶᠢ ᠤᠯᠠᠮ | ᠨᠢᠬᠡ ᠠᠯᠬᠤᠮ ᠴᠢᠩᠭᠠᠳᠬᠠᠬᠤ ᠴᠢᠬᠤᠯᠠᠳᠠᠢ ᠵᠡᠷᠬᠡ ᠪᠤᠯᠤᠨ᠎ᠠ᠃ ᠡᠳᠡᠬᠡᠷ ᠠᠰᠠᠭᠤᠳᠠᠯ ᠢ ᠪᠢᠳᠡ ᠡᠷᠬᠡᠪᠰᠢ ᠲᠡᠭᠡᠳᠦ | ᠬᠡᠮᠵᠢᠶ᠎ᠡ ᠪᠠᠷ ᠴᠢᠬᠤᠯᠠᠴᠢᠯᠠᠨ᠂ ᠬᠦᠴᠦᠳᠡᠢ ᠠᠷᠭ᠎ᠠ ᠬᠡᠮᠵᠢᠶ᠎ᠡ ᠠᠪᠴᠤ᠂ ᠦᠨᠡᠨᠬᠦ ᠰᠢᠢᠳᠪᠦᠷᠢᠯᠡᠬᠦ ᠬᠡᠷᠡᠭᠳᠡᠢ᠃ | |