| | ᠬᠤᠶᠠᠷ᠂ ᠬᠤᠶᠢᠰᠢᠳᠡ ᠶᠢᠨ ᠲᠠᠪᠤᠨ ᠵᠢᠯ ᠤᠨ ᠠᠵᠢᠯ ᠤᠨ ᠰᠡᠳᠬᠢᠴᠡ | ᠬᠤᠶᠢᠰᠢᠳᠡ ᠶᠢᠨ ᠲᠠᠪᠤᠨ ᠵᠢᠯ ᠪᠤᠯ᠂ ᠮᠠᠨ ᠤ ᠬᠤᠰᠢᠭᠤ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠦᠳᠦᠬᠡᠨ | ᠪᠠᠶᠢᠭᠤᠯᠬᠤ ᠵᠠᠩᠬᠢᠯᠠᠭ᠎ᠠ ᠶᠢᠨ ᠴᠠᠭ ᠬᠤᠭᠤᠴᠠᠭ᠎ᠠ᠂ ᠮᠦᠨᠴᠤ ᠮᠠᠨ ᠤ ᠬᠤᠰᠢᠭᠤ ᠰᠢᠨ᠎ᠡ ᠲᠠᠪᠠᠯᠳᠠ ᠶᠢ ᠪᠡᠶᠡᠯᠡᠬᠦᠯᠬᠦ | ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯᠳᠤ ᠴᠠᠭ ᠬᠤᠭᠤᠴᠠᠭ᠎ᠠ ᠮᠦᠨ᠃ ᠬᠤᠷᠸ᠎ᠠ ᠲᠤᠬᠢᠷᠠᠭᠤᠯᠭ᠎ᠠ | ᠶᠢᠨ ᠪᠠᠶᠢᠳᠠᠯ ᠪᠤᠯᠤᠨ ᠲᠦᠷᠦ ᠶᠢᠨ ᠪᠤᠳᠤᠯᠭ᠎ᠠ ᠶᠢᠨ ᠤᠷᠴᠢᠨ ᠨᠢ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠶᠢ | ᠲᠦᠷᠬᠡᠳᠬᠡᠬᠦ ᠳᠤ ᠠᠰᠢᠭᠳᠠᠢ ᠨᠦᠬᠦᠴᠡᠯ ᠢ ᠤᠯᠭᠤᠨ᠂ ᠡᠳᠦᠷ ᠢᠷᠡᠬᠦᠶ᠎ᠡ ᠲᠤᠪᠤᠶᠢᠵᠤ ᠪᠠᠶᠢᠭ᠎ᠠ ᠤᠷᠤᠨ ᠪᠠᠶᠢᠷᠢ | ᠶᠢᠨ ᠲᠠᠪᠠᠭᠤᠯᠢᠭ ᠪᠤᠯᠤᠨ ᠠᠯᠬᠤᠮ ᠠᠯᠬᠤᠮ ᠢᠶᠠᠷ ᠲᠡᠬᠦᠯᠳᠡᠷᠵᠢᠵᠦ ᠪᠠᠶᠢᠭ᠎ᠠ ᠠᠵᠤ ᠦᠢᠯᠡᠰ ᠤᠨ ᠲᠤᠭᠳᠠᠯᠴᠠᠭ᠎ᠠ | ᠨᠢ ᠲᠠᠪᠠᠯᠳᠠ ᠲᠠᠢ ᠪᠠᠷ ᠦᠷᠨᠢᠨ ᠬᠦᠭᠵᠢᠬᠦ ᠶᠢ ᠪᠡᠶᠡᠯᠡᠬᠦᠯᠬᠦ ᠳᠤ ᠪᠠᠳᠤ ᠪᠠᠬᠢ ᠪᠠᠳᠤᠯᠠᠭ᠎ᠠ ᠶᠢ ᠬᠠᠩᠭᠠᠵᠠᠢ᠃ | ᠪᠢᠳᠡ ᠡᠷᠬᠡᠪᠰᠢ ᠡᠯ᠎ᠡ ᠲᠦᠷᠦᠯ ᠤᠨ ᠠᠰᠢᠭᠳᠠᠢ ᠵᠠᠪᠰᠢᠶᠠᠨ ᠢ ᠴᠢᠩᠭ᠎ᠠ ᠠᠳᠬᠤᠵᠤ᠂ ᠡᠯ᠎ᠡ ᠵᠤᠶᠢᠯ ᠤᠨ | ᠦᠷᠢᠰᠦᠯᠳᠦᠬᠡᠨ ᠢ ᠵᠤᠷᠢᠭᠳᠠᠢ ᠤᠭᠳᠤᠨ ᠠᠪᠴᠤ᠂ ᠡᠯ᠎ᠡ ᠲᠦᠷᠦᠯ ᠤᠨ ᠬᠦᠴᠢᠷ ᠠᠰᠠᠭᠤᠳᠠᠯ ᠢ ᠪᠦᠬᠦ ᠬᠦᠴᠦᠨ | ᠢᠶᠠᠷ ᠰᠢᠢᠳᠪᠦᠷᠢᠯᠡᠵᠦ᠂ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠤᠨ ᠬᠤᠭᠤᠴᠠᠭ᠎ᠠ ᠶᠢ ᠦᠨᠡᠨᠬᠦ | ᠬᠦᠭᠵᠢᠯᠳᠡ ᠶᠢᠨ ᠰᠢᠵᠢᠷ ᠠᠯᠳᠠᠨ ᠴᠠᠭ ᠬᠤᠭᠤᠴᠠᠭ᠎ᠠ ᠪᠤᠯᠭᠠᠨ ᠬᠤᠪᠢᠷᠠᠭᠤᠯᠵᠤ᠂ ᠠᠯᠠᠱᠠ ᠵᠡᠬᠦᠨ ᠬᠤᠰᠢᠭᠤ ᠶᠢᠨ | ᠨᠡᠩ ᠰᠠᠶᠢᠨ ᠡᠬᠢᠯᠡᠯᠳᠡ ᠲᠡᠭᠡᠷ᠎ᠡ ᠰᠢᠨ᠎ᠡ ᠲᠠᠪᠠᠯᠳᠠ ᠶᠢ ᠪᠡᠶᠡᠯᠡᠬᠦᠯᠬᠦ ᠶᠢ ᠲᠦᠯᠬᠢᠨ ᠠᠬᠢᠭᠤᠯᠬᠤ ᠬᠡᠷᠡᠭᠳᠡᠢ᠃ | ᠬᠤᠰᠢᠭᠤᠨ ᠤ ᠠᠷᠪᠠᠨ ᠬᠤᠶᠠᠳᠤᠭᠠᠷ ᠬᠤᠭᠤᠴᠠᠭᠠᠨ ᠤ ᠨᠡᠮ ᠤᠨ ᠲᠦᠯᠦᠬᠡᠯᠡᠭᠴᠢᠳ ᠤᠨ ᠬᠤᠷᠠᠯ ᠳᠤ | ᠲᠤᠭᠳᠠᠭᠠᠭᠰᠠᠨ ᠵᠢᠯᠤᠭᠤᠳᠬᠤ ᠦᠵᠡᠯ ᠰᠠᠨᠠᠭ᠎ᠠ ᠶᠤᠰᠤᠭᠠᠷ᠂ ᠬᠤᠶᠢᠰᠢᠳᠡ ᠶᠢᠨ ᠲᠠᠪᠤᠨ ᠵᠢᠯ ᠤᠨ ᠵᠠᠰᠠᠭ ᠤᠨ | ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠳ᠋ᠧᠩ ᠰᠢᠶᠤᠤ ᠫᠢᠩ ᠤᠨ ᠤᠨᠤᠯ ᠂《 ᠭᠤᠷᠪᠠ ᠶᠢ | ᠲᠦᠯᠦᠬᠡᠯᠡᠬᠦ》 ᠴᠢᠬᠤᠯᠠ ᠦᠵᠡᠯ ᠰᠠᠨᠠᠭ᠎ᠠ ᠪᠠ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ | ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂《 ᠨᠢᠬᠡ ᠬᠤᠶᠠᠷ ᠬᠤᠶᠠᠷ ᠭᠤᠷᠪᠠ ᠲᠦᠷᠪᠡ》 ᠶᠢᠨ | ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠬᠡᠷᠡᠭᠵᠢᠬᠦᠯᠵᠦ᠂ ᠠᠵᠤ ᠤᠶᠢᠯᠡᠰ ᠤᠨ ᠪᠦᠳᠦᠴᠡ ᠶᠢ ᠲᠤᠬᠢᠷᠠᠭᠤᠯᠬᠤ | ᠂ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠪᠠᠷᠢᠯ ᠢ ᠬᠤᠪᠢᠷᠠᠭᠤᠯᠬᠤ ᠪᠠᠷ ᠭᠤᠤᠯ ᠱᠤᠭᠤᠮ ᠢᠶᠠᠨ ᠪᠣᠯᠭᠠᠵᠤ | ᠂ ᠠᠷᠠᠳ ᠢᠶᠠᠨ ᠪᠠᠶᠠᠵᠢᠭᠤᠯᠵᠤ ᠬᠤᠰᠢᠭᠤ ᠪᠠᠨ ᠬᠦᠴᠦᠷᠭᠡᠭᠵᠢᠬᠦᠯᠬᠦ᠂ ᠡᠶ᠎ᠡ ᠵᠤᠬᠢᠴᠠᠩᠭᠤᠢ ᠵᠤᠯ ᠵᠢᠷᠭᠠᠯ ᠲᠠᠢ | ᠪᠠᠶᠢᠯᠭᠠᠬᠤ ᠪᠠᠷ ᠬᠠᠷᠠᠯᠳᠠ ᠪᠠᠨ ᠪᠤᠯᠭᠠᠨ᠂ ᠭᠤᠷᠪᠠᠨ ᠠᠵᠤ ᠤᠶᠢᠯᠡᠰ ᠤᠨ ᠵᠤᠬᠢᠴᠠᠩᠭᠤᠢ ᠬᠦᠭᠵᠢᠯᠳᠡ ᠶᠢ | ᠨᠢᠬᠡᠳᠦᠯᠳᠡᠢ ᠲᠦᠯᠦᠪᠵᠢᠬᠦᠯᠦᠨ ᠠᠬᠢᠭᠤᠯᠵᠤ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠ | ᠬᠠᠮᠢᠶᠠᠷᠤᠯᠳᠠ ᠶᠢᠨ ᠲᠦᠪᠰᠢᠨ ᠢ ᠬᠦᠴᠦᠯᠡᠨ ᠲᠡᠭᠡᠭᠰᠢᠯᠡᠬᠦᠯᠵᠦ᠂ ᠠᠮᠢ ᠠᠬᠤᠢ ᠶᠢᠨ ᠪᠤᠯᠪᠠᠰᠤᠨ ᠪᠤᠯᠤᠨ ᠰᠠᠭᠤᠷᠢ | ᠲᠦᠬᠦᠬᠡᠷᠦᠮᠵᠢ ᠶᠢᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠨᠡᠶᠢᠬᠡᠮ ᠤᠨ ᠬᠠᠮᠢᠶᠠᠷᠤᠯᠳᠠ ᠶᠢᠨ | ᠰᠢᠨᠡᠴᠢᠯᠡᠯᠳᠡ ᠶᠢ ᠬᠦᠴᠦᠯᠡᠨ ᠴᠢᠩᠭᠠᠷᠠᠭᠤᠯᠵᠤ᠂ ᠠᠷᠠᠳ ᠤᠨ ᠠᠮᠢᠳᠤᠷᠠᠯ ᠢ ᠬᠦᠴᠦᠯᠡᠨ ᠪᠠᠳᠤᠯᠠᠵᠤ | ᠰᠠᠶᠢᠵᠢᠷᠠᠭᠤᠯᠤᠨ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ ᠬᠠᠷᠠᠯᠳᠠ ᠶᠢ ᠪᠡᠶᠡᠯᠡᠬᠦᠯᠬᠦ ᠳᠤ ᠪᠠᠳᠤ | ᠪᠠᠬᠢ ᠰᠠᠭᠤᠷᠢ ᠶᠢ ᠲᠠᠯᠪᠢᠨ᠎ᠠ᠃ | ᠬᠤᠶᠢᠰᠢᠳᠡ ᠶᠢᠨ ᠲᠠᠪᠤᠨ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠬᠠᠷᠠᠯᠳᠠ ᠪᠤᠯ᠄ | ᠪᠦᠬᠦ ᠬᠤᠰᠢᠭᠤᠨ ᠤ ᠤᠶᠢᠯᠡᠳᠪᠦᠷᠢᠯᠡᠯ ᠤᠨ ᠶᠡᠷᠦᠩᠬᠡᠢ ᠦᠷᠳᠡᠭ ᠢ ᠵᠢᠯ ᠲᠤᠮᠳᠠᠴᠢ ᠪᠠᠷ18% ᠨᠡᠮᠡᠭᠳᠡᠬᠦᠯᠵᠦ᠂ | 400 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠎ᠠ︔ ᠡᠳ᠋ ᠤᠨ ᠵᠠᠰᠠᠭ ᠤᠨ ᠤᠷᠤᠯᠭ᠎ᠠ ᠶᠢ ᠵᠢᠯ ᠲᠤᠮᠳᠠᠴᠢ ᠪᠠᠷ | 18% ᠨᠡᠮᠡᠭᠳᠡᠭᠦᠯᠤᠨ 60 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠎ᠠ︔ ᠲᠤᠭᠳᠠᠮᠠᠯ ᠬᠦᠷᠦᠩᠬᠡ ᠶᠢᠨ ᠪᠡᠯᠡ | ᠤᠷᠤᠭᠤᠯᠤᠯᠳᠠ ᠶᠢ ᠵᠢᠯ ᠲᠤᠮᠳᠠᠴᠢ ᠪᠠᠷ 18% ᠨᠡᠮᠡᠭᠳᠡᠬᠦᠯᠵᠤ᠂ 200 ᠳ᠋ᠦᠩᠰᠢᠭᠤᠷ ᠲᠦᠬᠦᠷᠢᠭ ᠠᠴᠠ | ᠲᠠᠪᠠᠭᠤᠯᠤᠨ᠎ᠠ︔ ᠨᠡᠶᠢᠬᠡᠮ ᠤᠨ ᠬᠡᠷᠡᠭᠯᠡᠬᠡᠨ ᠤ ᠵᠤᠶᠢᠯ ᠢ ᠵᠢᠵᠢᠭᠯᠡᠨ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ ᠵᠢᠯ | ᠲᠤᠮᠳᠠᠴᠢ ᠪᠠᠷ 16% ᠨᠡᠮᠡᠭᠳᠡᠬᠦᠯᠦᠨ᠂ 60 ᠳ᠋ᠦᠡᠭᠰᠢᠭᠤᠷ ᠲᠦᠭᠦᠷᠢᠭ ᠠᠴᠠ ᠲᠠᠪᠠᠭᠤᠯᠤᠨ᠎ᠠ︔ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠤᠯᠬᠤ ᠴᠡᠪᠡᠷ ᠤᠷᠤᠯᠭ᠎ᠠ | ᠪᠤᠯᠤᠨ ᠮᠠᠯᠴᠢᠨ ᠲᠠᠷᠢᠶᠠᠴᠢᠨ ᠤ ᠬᠦᠮᠦᠨ ᠪᠦᠷᠢ ᠳᠤ ᠲᠡᠭᠰᠢᠳᠭᠡᠭᠰᠡᠨ ᠴᠡᠪᠡᠷ ᠤᠷᠤᠯᠭ᠎ᠠ ᠶᠢ ᠲᠤᠰᠪᠤᠷᠢ ᠵᠢᠯ | ᠲᠤᠮᠳᠠᠴᠢ ᠪᠠᠷ 13% ᠪᠠ 15% ᠨᠡᠮᠡᠭᠳᠡᠬᠦᠯᠦᠨ᠂ ᠲᠠᠪᠤᠨ ᠵᠢᠯ ᠤᠨ ᠬᠤᠭᠤᠴᠠᠭ᠎ᠠ ᠬᠡᠷᠡᠭᠰᠡᠨ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠲᠤᠷᠠᠳᠤᠭᠰᠠᠨ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢ | 2010 ᠤᠨ ᠠᠴᠠ ᠨᠢᠬᠡ ᠲᠠᠬᠢᠨ ᠨᠡᠮᠡᠭᠳᠡᠬᠦᠯᠬᠦ ᠬᠠᠷᠠᠯᠳᠠ ᠶᠢ ᠤᠷᠢᠳᠴᠢᠯᠠᠨ ᠪᠡᠶᠡᠯᠡᠬᠦᠯᠦᠨ᠎ᠡ︔ ᠡᠯ᠎ᠡ ᠲᠦᠷᠦᠯ | ᠤᠨ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠬᠦᠢᠴᠡᠳᠬᠡᠯ ᠲᠤᠭ᠎ᠠ ᠶᠢ ᠲᠡᠭᠡᠳᠤ ᠱᠠᠳᠤᠨ ᠠᠴᠠ ᠱᠠᠭᠠᠷᠳᠠᠭᠰᠠᠨ | ᠬᠡᠪᠴᠢᠶᠡᠨ ᠲᠤᠲᠤᠷ᠎ᠠ ᠬᠢᠵᠠᠭᠠᠷᠯᠠᠨ᠎ᠠ᠃ | ᠢᠷᠡᠭᠡᠳᠦᠢ ᠪᠠᠨ ᠪᠠᠷᠠᠯᠠᠬᠤ ᠳᠤ᠂ ᠪᠢᠳᠡ ᠡᠷᠬᠡᠪᠰᠢ ᠲᠡᠤᠬᠡ ᠶᠢᠨ ᠬᠠᠷᠢᠭᠤᠴᠠᠯᠭ᠎ᠠ ᠶᠢ ᠵᠤᠷᠢᠭᠳᠠᠢ ᠪᠠᠷ ᠡᠬᠦᠷᠬᠡᠯᠡᠵᠦ᠂ | ᠬᠠᠳᠠᠭᠤᠵᠢᠯᠳᠡᠢ ᠲᠡᠮᠡᠴᠡᠬᠦ ᠵᠤᠷᠢᠭ ᠰᠠᠨᠠᠭ᠎ᠠ ᠪᠠᠷ᠂ ᠦᠨᠡᠨ ᠢ ᠡᠷᠢᠨ ᠪᠤᠳᠠᠳᠠᠢ ᠶᠢ ᠡᠷᠬᠢᠮᠯᠡᠬᠦ ᠰᠤᠷᠳᠠᠯ ᠢᠶᠠᠷ᠂ | ᠬᠤᠭᠤᠰᠤᠨ ᠦᠬᠡ ᠶᠠᠷᠢᠬᠤ ᠦᠬᠡᠢ᠂ ᠴᠠᠯᠠᠭᠠᠶᠢᠷᠠᠬᠤ ᠦᠬᠡᠢ ᠪᠠᠶᠢᠵᠤ᠂ ᠲᠤᠯᠤᠭᠠᠨ ᠶᠡᠭᠡ ᠢᠨᠵᠧᠨᠧᠷᠢᠩ ᠤᠨ | ᠰᠢᠰᠲ᠋ᠧᠮ ᠤᠨ ᠪᠠᠶᠢᠭᠤᠯᠤᠯᠳᠠ ᠶᠢ ᠬᠦᠴᠦᠳᠡᠢ ᠠᠳᠬᠤᠵᠤ᠂ ᠡᠯ᠎ᠡ ᠲᠦᠷᠦᠯ ᠤᠨ ᠬᠠᠷᠠᠯᠳᠠᠳᠤ ᠡᠬᠦᠷᠬᠡ ᠪᠠᠨ | ᠴᠢᠷᠮᠠᠶᠢᠨ ᠪᠡᠶᠡᠯᠡᠬᠦᠯᠬᠦ ᠴᠢᠬᠤᠯᠠᠳᠠᠢ ᠪᠠᠶᠢᠨ᠎ᠠ ᠃ | ᠨᠢᠬᠡ ᠳᠤ᠂ ᠰᠢᠨ᠎ᠠ ᠬᠡᠯᠪᠡᠷᠢ ᠶᠢᠨ ᠠᠵᠦ ᠣᠢᠢᠯᠡᠳᠪᠦᠷᠢᠵᠢᠯᠳᠡ ᠶᠢ ᠬᠦᠴᠦᠳᠡᠢ ᠠᠬᠢᠭᠤᠯᠵᠤ᠂ ︽ᠬᠤᠤᠰ ᠵᠠᠭᠤᠨ | ᠳ᠋ᠦᠡᠭᠰᠢᠭᠤᠷ ᠤᠨ ᠢᠨᠵᠧᠨᠧᠷᠢᠩ︾ ᠢᠶᠠᠷ ᠭᠤᠤᠯᠳᠠᠯᠭ᠎ᠠ ᠪᠤᠯᠭᠠᠭᠰᠠᠨ ᠠᠵᠤ ᠤᠶᠢᠯᠡᠳᠪᠦᠷᠢ ᠶᠢᠨ ᠢᠨᠵᠧᠨᠧᠷᠢᠩ | ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠬᠡᠨ ᠬᠡᠷᠡᠭᠵᠢᠬᠦᠯᠦᠨ᠎ᠡ᠃ ᠵᠠᠬ᠎ᠠ ᠲᠡᠯᠭᠡᠭᠦᠷ ᠢᠶᠠᠷ ᠵᠢᠯᠤᠭᠤᠳᠤᠯᠭ᠎ᠠ | ᠪᠠᠨ ᠪᠣᠯᠭᠠᠵᠤ᠂ ᠠᠵᠤ ᠤᠶᠢᠯᠡᠰ ᠤᠨ ᠬᠡᠯᠬᠢᠶᠡᠵᠢᠯ ᠢ ᠣᠷᠳᠣᠳᠬᠠᠨ᠂ ᠡᠷᠬᠢᠯᠳᠡᠳᠦ ᠠᠵᠤ ᠠᠬᠤᠢ ᠶᠢ | ᠬᠦᠭᠵᠢᠭᠦᠯᠵᠦ᠂ ᠠᠵᠤ ᠤᠶᠢᠯᠡᠳᠪᠦᠷᠢ ᠶᠢᠨ ᠠᠵᠤ ᠤᠶᠢᠯᠡᠰ ᠤᠨ ᠪᠦᠳᠦᠴᠡ ᠪᠠᠨ ᠰᠢᠯᠢᠳᠡᠭᠵᠢᠬᠦᠯᠦᠨ᠂ ᠠᠵᠦ | ᠠᠬᠤᠢ ᠶᠢᠨ ᠬᠦᠭᠵᠢᠯᠳᠡ ᠶᠢᠨ ᠠᠷᠭ᠎ᠠ ᠪᠠᠷᠢᠯ ᠢᠶᠠᠨ ᠳᠦᠷᠬᠡᠳᠬᠡᠨ ᠬᠤᠪᠢᠷᠠᠭᠤᠯᠤᠨ᠎ᠠ᠃ ᠨᠡᠬᠦᠷᠡᠰᠦ ᠬᠢᠮᠢ ᠶᠢᠨ | ᠤᠶᠢᠯᠡᠳᠪᠦᠷᠢ᠂ ᠰᠢᠨ᠎ᠡ ᠬᠡᠯᠪᠡᠷᠢ ᠶᠢᠨ ᠬᠢᠮᠢ ᠶᠢᠨ ᠤᠶᠢᠯᠡᠳᠪᠦᠷᠢ᠂ ᠦᠪᠡᠷᠮᠢᠴᠡ ᠤᠨᠴᠠᠯᠢᠭᠳᠤ ᠲᠡᠮᠦᠷᠯᠢᠭ | ᠬᠠᠶᠢᠯᠤᠭᠤᠯᠬᠤ᠂ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠵᠡᠷᠬᠡ ᠲᠠᠪᠠᠭᠤᠯᠢᠭ ᠤᠨᠴᠠᠯᠢᠭᠳᠤ ᠠᠵᠤ | ᠤᠶᠢᠯᠡᠰ ᠢ ᠭᠤᠤᠯᠳᠠᠯᠭ᠎ᠠ ᠲᠠᠢ ᠪᠠᠶᠢᠭᠤᠯᠵᠤ᠂ ᠲᠤᠨᠤᠭ ᠲᠦᠬᠦᠬᠡᠷᠦᠮᠵᠢ ᠦᠢᠯᠡᠳᠬᠦ᠂ ᠴᠠᠬᠢᠯᠭᠠᠨ ᠬᠦᠴᠦ᠂ ᠰᠢᠨ᠎ᠡ | ᠡᠨᠧᠷᠬᠢ᠂ ᠰᠢᠨ᠎ᠡ ᠮᠠᠲ᠋ᠧᠷᠢᠶᠠᠯ᠂ ᠠᠮᠢᠳᠤ ᠪᠤᠳᠠᠰ ᠢᠶᠠᠷ ᠡᠮ ᠤᠶᠢᠯᠡᠳᠬᠦ ᠵᠡᠷᠬᠡ ᠡᠬᠢ ᠪᠠᠶᠠᠯᠢᠭ ᠤᠨ ᠪᠤᠰᠤ | ᠬᠡᠯᠪᠡᠷᠢᠳᠦ ᠠᠵᠤ ᠤᠶᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ | ᠤᠶᠢᠯᠡᠰ ᠢ ᠬᠦᠭᠵᠢᠬᠦᠯᠦᠨ ᠪᠤᠵᠠᠭᠠᠶᠢᠷᠠᠭᠤᠯᠵᠤ᠂ ᠠᠵᠤ ᠤᠶᠢᠯᠡᠳᠪᠦᠷᠢ ᠶᠢᠨ ᠰᠢᠨᠵᠢᠯᠡᠭᠡ ᠮᠡᠷᠬᠡᠵᠢᠯ ᠤᠨ | ᠠᠭᠤᠯᠬᠤᠨ ᠪᠤᠯᠤᠨ ᠪᠦᠳᠦᠬᠡᠭᠳᠡᠬᠦᠨ ᠤ ᠨᠡᠮᠡᠯᠳᠡ ᠦᠷᠳᠡᠭ ᠢ ᠨᠡᠮᠡᠭᠳᠡᠬᠦᠯᠦᠨ᠎ᠡ᠃ ᠤᠯᠠᠨ ᠡᠰᠢᠵᠢᠭᠰᠡᠨ ᠪᠡᠯᠡ | ᠤᠷᠤᠭᠤᠯᠬᠤ ᠬᠡᠯᠪᠡᠷᠢ ᠶᠢ ᠠᠪᠴᠤ᠂ ᠤᠯᠠᠨ ᠠᠷᠭ᠎ᠠ ᠵᠠᠮ ᠢᠶᠠᠷ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠬᠦ | ᠬᠤᠷᠠᠮᠳᠤᠭᠤᠯᠤᠨ᠂ ᠲᠡᠭᠷᠢ ᠠᠵᠤ ᠤᠶᠢᠯᠡᠳᠪᠦᠷᠢ ᠶᠢᠨ ᠲᠤᠭᠤᠷᠢᠭ ᠪᠤᠯᠤᠨ ᠤᠯᠠᠨᠪᠤᠯᠠᠭ ᠠᠵᠤ ᠤᠶᠢᠯᠡᠰ ᠤᠨ | ᠲᠤᠭᠤᠷᠢᠭ ᠢ ᠰᠠᠭᠤᠷᠢ ᠲᠦᠬᠦᠬᠡᠷᠦᠮᠵᠢ ᠲᠡᠬᠦᠯᠳᠡᠷᠵᠢᠭᠰᠡᠨ᠂ ᠦᠢᠯᠡᠳᠦᠯ ᠪᠦᠷᠢᠨ᠂ ᠲᠠᠭᠠᠭᠠᠴᠠ ᠴᠢᠩᠭ᠎ᠠ᠂ ᠠᠵᠤ | ᠠᠬᠤᠢ ᠶᠢᠨ ᠦᠷ᠎ᠡ ᠠᠰᠢᠭ ᠰᠠᠶᠢᠨ᠂ ᠬᠦᠭᠵᠢᠯᠳᠡ ᠶᠢᠨ ᠬᠤᠪᠢ ᠨᠡᠮᠡᠷᠢ ᠶᠡᠭᠡ ᠦᠪᠡᠷᠳᠡᠬᠡᠨ ᠵᠠᠰᠠᠬᠤ ᠣᠷᠣᠨ ᠤ | ᠬᠠᠳᠤᠨ ᠭᠤᠤᠯ ᠲᠠᠭᠠᠤ ᠵᠠᠮ ᠲᠠᠭᠠᠤ ᠭᠤᠤᠯᠳᠠᠯᠭ᠎ᠠ ᠲᠠᠢ ᠠᠵᠤ ᠤᠶᠢᠯᠡᠳᠪᠦᠷᠢ ᠶᠢᠨ ᠲᠤᠭᠤᠷᠢᠭ ᠪᠤᠯᠭᠠᠨ | ᠪᠠᠶᠢᠭᠤᠯᠤᠨ᠎ᠠ᠃ ᠪᠠᠶᠠᠨᠬᠤᠳᠠ ᠶᠢᠨ ᠤᠷᠴᠢᠨ ᠲᠤᠭᠤᠷᠢᠨ ᠢ ᠬᠠᠮᠠᠭᠠᠯᠠᠬᠤ ᠬᠡᠯᠪᠡᠷᠢ ᠶᠢᠨ ᠠᠵᠤ ᠤᠶᠢᠯᠡᠳᠪᠦᠷᠢ ᠶᠢᠨ | ᠲᠤᠭᠤᠷᠢᠭ᠂ ᠵᠢᠷᠠᠲᠠᠢ ᠶᠢᠨ ᠴᠢᠯᠠᠭᠤᠨ ᠮᠠᠲ᠋ᠧᠷᠢᠶᠠᠯ ᠪᠤᠯᠪᠠᠰᠤᠷᠠᠭᠤᠯᠬᠤ ᠳᠤᠭᠤᠷᠢᠭ ᠵᠡᠷᠬᠡ ᠠᠵᠤ ᠤᠶᠢᠯᠡᠳᠪᠦᠷᠢ | ᠶᠢᠨ ᠲᠤᠰᠬᠠᠢ ᠲᠤᠭᠤᠷᠢᠭ ᠢ ᠦᠨᠳᠦᠷ ᠪᠠᠷᠢᠮᠵᠢᠶ᠎ᠠ ᠪᠠᠷ ᠲᠦᠯᠦᠪᠵᠢᠬᠦᠯᠦᠨ ᠪᠠᠶᠢᠭᠤᠯᠵᠤ᠂ ᠮᠠᠨ ᠤ ᠬᠤᠰᠢᠭᠤᠨ ᠤ | ᠠᠵᠤ ᠠᠬᠤᠢ ᠶᠢᠨ ᠬᠦᠭᠵᠢᠯᠳᠡ ᠶᠢᠨ ᠨᠦᠬᠡᠴᠡ ᠬᠦᠴᠦ ᠶᠢ ᠤᠯᠠᠮ ᠨᠢᠬᠡ ᠠᠯᠬᠤᠮ ᠴᠢᠩᠭᠠᠳᠬᠠᠨ᠎ᠠ᠃ ᠢᠷᠭᠠᠢ᠂ | ᠲᠡᠷᠡᠰᠦᠨ᠂ ᠦᠬᠠᠢ᠂ ᠤᠷᠳᠤᠰ ᠵᠡᠷᠬᠡ ᠬᠦᠷᠰᠢ ᠤᠷᠤᠨ ᠵᠢᠴᠢ ᠬᠦᠬᠡ ᠮᠦᠷᠡᠨ ᠤ ᠭᠤᠷᠪᠠᠯᠵᠢᠨ ᠬᠤᠶᠢᠭ᠂ | ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠦᠸᠧᠬᠠᠢ ᠲᠠᠩᠬᠢᠰ ᠤᠨ ᠲᠤᠭᠤᠷᠢᠨ ᠵᠡᠷᠬᠡ ᠬᠦᠭᠵᠢᠭᠰᠡᠨ ᠭᠠᠵᠠᠷ | ᠤᠷᠤᠨ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠦᠨᠡᠨᠬᠦ ᠴᠢᠩᠭᠠᠳᠬᠠᠨ᠂ ᠨᠡᠩ ᠦᠨᠳᠦᠷ ᠲᠡᠰ | ᠲᠠᠪᠬᠤᠷᠭ᠎ᠠ᠂ ᠨᠡᠩ ᠦᠷᠬᠡᠨ ᠬᠡᠪᠴᠢᠶᠡᠨ ᠳᠤ ᠡᠮᠦᠨᠡᠳᠦ ᠤᠷᠤᠨ ᠤ ᠪᠡᠯᠡ ᠮᠦᠩᠬᠦ ᠤᠮᠠᠷᠠᠳᠤ ᠣᠷᠤᠨ ᠵᠦᠭ | ᠰᠢᠯᠵᠢᠬᠦ ᠪᠠ ᠠᠵᠤ ᠤᠶᠢᠯᠡᠰ ᠤᠨ ᠰᠢᠯᠵᠢᠯᠳᠡ ᠶᠢ ᠲᠤᠰᠤᠨ ᠠᠪᠤᠨ᠎ᠠ᠃ ᠪᠡᠯᠡ ᠤᠷᠤᠭᠤᠯᠤᠯᠳᠠ ᠨᠢ ᠵᠠᠭᠤᠨ | ᠳ᠋ᠦᠩᠰᠢᠭᠤᠷ ᠢ ᠳᠠᠪᠠᠭᠰᠠᠨ 5 ᠴᠢᠬᠤᠯᠠ ᠶᠡᠭᠡ ᠠᠵᠤ ᠤᠶᠢᠯᠡᠳᠪᠦᠷᠢ ᠶᠢᠨ ᠲᠦᠷᠦᠯ ᠵᠤᠶᠢᠯ ᠪᠤᠯᠤᠨ ᠪᠣᠰᠣᠳ | ᠰᠢᠨ᠎ᠡ ᠪᠠᠷ ᠪᠠᠶᠢᠭᠤᠯᠬᠤ᠂ ᠦᠷᠬᠦᠯᠵᠢᠯᠡᠨ ᠪᠠᠶᠢᠭᠤᠯᠬᠤ ᠭᠤᠤᠯᠳᠠᠯᠭ᠎ᠠ ᠲᠠᠢ ᠠᠵᠤ ᠤᠶᠢᠯᠡᠳᠪᠦᠷᠢ ᠶᠢᠨ ᠲᠦᠷᠦᠯ | ᠵᠤᠶᠢᠯ ᠢ ᠭᠤᠤᠯᠳᠠᠯᠭ᠎ᠠ ᠲᠠᠢ ᠰᠠᠶᠢᠳᠤᠷ ᠠᠳᠬᠤᠨ᠂ ᠠᠵᠢᠯᠯᠠᠭᠠᠨ ᠤ ᠲᠤᠬᠢᠷᠠᠭᠤᠯᠤᠯᠳᠠ ᠪᠤᠯᠤᠨ ᠵᠤᠬᠢᠴᠠᠭᠤᠯᠬᠤ | ᠦᠢᠯᠡᠴᠢᠯᠡᠭᠡ ᠶᠢ ᠴᠢᠩᠭᠠᠳᠬᠠᠵᠤ᠂ ᠲᠤᠭᠳᠠᠭᠰᠠᠨ ᠬᠤᠭᠤᠴᠠᠭᠠᠨ ᠳᠠᠭᠠᠨ ᠦᠢᠯᠡᠳᠪᠦᠷᠢᠯᠡᠵᠤᠦᠷᠡ ᠠᠰᠢᠭ | ᠭᠠᠷᠭᠠᠬᠤ ᠶᠢ ᠪᠠᠳᠤᠯᠠᠨ᠎ᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠬᠦᠴᠦᠯᠡᠴᠡ ᠪᠠᠨ ᠲᠠᠰᠤᠷᠠᠯᠳᠠ ᠦᠬᠡᠢ | ᠨᠡᠮᠡᠭᠳᠡᠬᠦᠯᠦᠨ᠂ ᠰᠢᠨ᠎ᠡ ᠪᠠᠷ ᠬᠡᠷ᠎ᠡ ᠲᠤᠭᠳᠠᠭᠰᠠᠨ ᠲᠦᠷᠦᠯ ᠵᠤᠶᠢᠯ ᠢ 100 ᠠᠴᠠ ᠲᠡᠭᠡᠭᠰᠢ ᠬᠦᠷᠬᠡᠵᠦ᠂ | ᠪᠤᠳᠠᠳᠠᠢ ᠪᠡᠯᠡ ᠤᠷᠤᠭᠤᠯᠤᠯᠳᠠ ᠶᠢ 1000 ᠳ᠋ᠦᠩᠰᠢᠭᠤᠷ ᠲᠦᠬᠦᠷᠢᠭ ᠠᠴᠠ ᠲᠠᠪᠠᠭᠤᠯᠤᠨ᠎ᠠ᠃ ᠪᠤᠷᠤᠯᠠᠭᠤᠯᠤᠯᠳᠠ | ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠬᠦᠷᠢᠭ ᠢ ᠲᠠᠪᠠᠭᠰᠠᠨ 3 ᠠᠵᠤ ᠤᠶᠢᠯᠡᠳᠪᠦᠷᠢ ᠶᠢᠨ ᠤᠷᠤᠨ᠂ | ᠪᠤᠷᠤᠯᠠᠭᠤᠯᠤᠯᠳᠠ ᠶᠢᠨ ᠤᠷᠤᠯᠭ᠎ᠠ ᠨᠢ ᠵᠠᠭᠤᠨ ᠳ᠋ᠦᠩᠰᠢᠭᠤᠷ ᠲᠦᠬᠦᠷᠢᠭ ᠢ ᠲᠠᠪᠠᠭᠰᠠᠨ 5 ᠠᠴᠠ 7 ᠠᠵᠤ | ᠤᠶᠢᠯᠡᠳᠪᠦᠷᠢ ᠶᠢᠨ ᠠᠵᠤ ᠠᠬᠤᠶᠢᠯᠠᠯ᠂ ᠠᠰᠢᠭ ᠭᠠᠶᠢᠯᠢ ᠨᠢ ᠳ᠋ᠦᠩᠰᠢᠭᠤᠷ ᠲᠦᠬᠦᠷᠢᠭ ᠢ ᠲᠠᠪᠠᠭᠰᠠᠨ 10 ᠠᠴᠠ | ᠲᠡᠭᠡᠭᠰᠢ ᠲᠤᠮᠤ ᠠᠵᠤ ᠠᠬᠤᠶᠢᠯᠠᠯ ᠤᠨ ᠪᠦᠯᠦᠭᠯᠡᠯ ᠢ ᠴᠢᠷᠮᠠᠶᠢᠨ ᠪᠠᠶᠢᠭᠤᠯᠤᠨ᠎ᠠ᠃ | ᠬᠤᠶᠠᠷ ᠲᠤ᠂ ᠳᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠶᠢ ᠬᠦᠴᠦᠳᠡᠢ ᠳᠦᠯᠬᠢᠨ ᠠᠬᠢᠭᠤᠯᠵᠤ᠂ | ᠤᠳᠤᠬᠢᠴᠢᠯᠠᠭᠰᠠᠨ ᠳᠠᠷᠢᠶᠠᠯᠠᠩ ᠮᠠᠯ ᠠᠵᠤ ᠠᠬᠤᠢ ᠶᠢᠨ ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠳᠠ ᠶᠢ | ᠳᠦᠷᠬᠡᠳᠬᠡᠨ ᠬᠡᠷᠡᠭᠵᠢᠬᠦᠯᠦᠨ᠎ᠡ᠃ ᠤᠰᠤᠨ ᠳᠤ ᠠᠷᠪᠢᠳᠠᠢ᠂ ᠰᠢᠯᠢᠳᠡᠭ ᠴᠢᠨᠠᠷ ᠲᠠᠢ᠂ ᠦᠨᠳᠤᠷ ᠦᠷ᠎ᠡ ᠠᠰᠢᠭᠳᠠᠢ᠂ | ᠠᠮᠢ ᠠᠬᠤᠶᠢᠴᠢ᠂ ᠠᠮᠤᠷ ᠳᠦᠪᠰᠢᠨ ᠤᠳᠤᠬᠢᠴᠢᠯᠠᠭᠰᠠᠨ ᠳᠠᠷᠢᠶᠠᠯᠠᠩ ᠮᠠᠯ ᠠᠵᠤ ᠠᠬᠤᠢ ᠶᠢ ᠢᠳᠡᠪᠬᠢᠳᠡᠢ | ᠬᠦᠭᠵᠢᠬᠦᠯᠵᠤ᠂ ᠳᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢ ᠦᠢᠯᠡᠳᠪᠦᠷᠢᠯᠡᠯ ᠤᠨ ᠳᠦᠪᠰᠢᠨ ᠢ ᠪᠦᠬᠦ ᠳᠠᠯ᠎ᠠ | ᠪᠠᠷ ᠳᠡᠬᠡᠭᠰᠢᠯᠡᠬᠦᠯᠦᠨ᠎ᠡ᠃ ᠮᠠᠨ ᠤ ᠬᠤᠰᠢᠭᠤᠨ ᠤ ᠦᠪᠡᠷᠮᠢᠴᠡ ᠠᠭᠤᠷ ᠠᠮᠢᠰᠬᠤᠯ᠂ ᠬᠡᠷᠡᠯ ᠢᠯᠴᠢ᠂ ᠠᠮᠢ ᠠᠬᠤᠢ | ᠶᠢᠨ ᠤᠷᠴᠢᠨ ᠵᠡᠷᠬᠡ ᠪᠠᠶᠢᠭᠠᠯᠢ ᠶᠢᠨ ᠡᠬᠢ ᠪᠠᠶᠠᠯᠢᠭ ᠪᠠ ᠬᠤᠤᠰ ᠪᠦᠬᠦᠳᠤ ᠳᠡᠮᠡᠭᠡ᠂ ᠨᠤᠯᠤᠤᠷ ᠤᠨ ᠴᠠᠭᠠᠨ | ᠢᠮᠠᠭ᠎ᠠ᠂ ᠴᠠᠭᠠᠨ ᠭᠤᠶᠤᠤ᠂ ᠤᠯᠠᠭᠠᠨ ᠭᠤᠶᠤᠤ ᠵᠡᠷᠬᠡ ᠰᠤᠳᠤᠨ ᠡᠬᠢ ᠪᠠᠶᠠᠯᠢᠭ ᠢᠶᠠᠨ ᠬᠦᠢᠴᠡᠳ ᠠᠰᠢᠭᠯᠠᠨ᠂ | ᠳᠤᠯᠠᠭᠠᠨ ᠬᠦᠯᠡᠮᠵᠢ ᠳᠤ ᠳᠠᠷᠢᠵᠤ ᠦᠷᠡᠵᠢᠬᠦᠯᠬᠦ᠂ ᠬᠠᠰᠢᠶᠠᠯᠠᠨ ᠳᠡᠵᠢᠬᠡᠬᠦ᠂ ᠡᠯᠡᠰᠤᠨ ᠤ ᠠᠵᠤ ᠦᠢᠯᠡᠰ ᠵᠡᠷᠬᠡ | ᠭᠤᠷᠪᠠᠨ ᠶᠡᠭᠡ ᠭᠤᠤᠯᠯᠠᠬᠤ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ ᠨᠠᠷᠠᠨ ᠬᠤᠸᠠᠷ ᠢ ᠪᠢᠳᠡᠬᠦᠮᠵᠢᠯᠡᠨ | ᠳᠠᠷᠢᠵᠤ ᠰᠠᠶᠢᠨ ᠦᠷ᠎ᠡ ᠪᠤᠶᠢᠵᠢᠭᠤᠯᠬᠤ ᠬᠡᠪᠴᠢᠶ᠎ᠡ ᠶᠢ ᠦᠷᠬᠡᠳᠬᠡᠨ᠂ ᠤᠯᠠᠨ ᠠᠷᠭ᠎ᠠ ᠵᠠᠮ ᠢᠶᠠᠷ ᠮᠠᠯᠴᠢᠨ | ᠳᠠᠷᠢᠶᠠᠴᠢᠨ ᠤ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠴᠢᠨ ᠳᠠᠷᠢᠶᠠᠴᠢᠨ ᠢ ᠬᠠᠷᠠᠭᠠᠯᠵᠠᠬᠤ ᠡᠯ᠎ᠡ ᠳᠦᠷᠦᠯ ᠤᠨ | ᠳᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠤᠯᠠᠨ ᠠᠷᠭ᠎ᠠ ᠵᠠᠮ ᠢᠶᠠᠷ《 ᠮᠠᠯᠴᠢᠨ | ᠳᠠᠷᠢᠶᠠᠴᠢᠨ᠂ ᠮᠠᠯᠵᠢᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ》 ᠤ ᠤᠷᠤᠭᠤᠯᠤᠯᠳᠠ ᠪᠠᠨ ᠶᠡᠬᠡᠰᠬᠡᠵᠤ᠂ ᠮᠠᠯ | ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠪᠦᠬᠡᠮ ᠢᠶᠠᠷ ᠪᠤᠷᠤᠯᠠᠭᠤᠯᠬᠤ ᠵᠠᠬ᠎ᠠ ᠳᠡᠯᠬᠡᠬᠦᠷ ᠪᠠ | ᠪᠤᠯᠪᠠᠰᠤᠷᠠᠭᠤᠯᠬᠤ ᠠᠵᠤ ᠠᠬᠤᠶᠢᠯᠠᠯ ᠢ ᠦᠨᠳᠦᠷ ᠳᠦᠪᠰᠢᠨ ᠢᠶᠠᠷ ᠪᠦᠳᠦᠬᠡᠨ ᠪᠠᠶᠢᠭᠤᠯᠵᠤ᠂ ᠮᠠᠯ ᠤᠨ ᠠᠰᠢᠭ | ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠨᠡᠮᠡᠯᠳᠡ ᠦᠷᠳᠡᠭ ᠢ ᠳᠡᠬᠡᠭᠰᠢᠯᠡᠬᠦᠯᠦᠨ᠎ᠡ᠃ 2017 ᠤᠨ ᠪᠤᠯᠬᠤ | ᠳᠤ᠂ ᠠᠵᠤ ᠦᠢᠯᠡᠰᠵᠢᠯᠳᠡ ᠶᠢᠨ ᠳᠤᠯᠤᠭᠠᠶᠢᠯᠠᠭᠴᠢ ᠠᠵᠤ ᠠᠬᠤᠶᠢᠯᠠᠯ ᠢ 18 ᠪᠤᠯᠭᠠᠬᠤ ᠪᠠᠷ ᠴᠢᠷᠮᠠᠶᠢᠵᠤ᠂ | ᠳᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠡᠵᠡᠩᠨᠡᠯᠳᠡ ᠶᠢᠨ ᠤᠷᠤᠯᠭ᠎ᠠ ᠶᠢ 7 | ᠳ᠋ᠦᠩᠰᠢᠭᠤᠷ ᠳᠦᠬᠦᠷᠢᠭ ᠲᠤ ᠬᠦᠷᠬᠡᠨ᠂ ᠠᠵᠤ ᠦᠢᠯᠡᠰᠵᠢᠯᠳᠡ ᠶᠢᠨ ᠳᠦᠪᠰᠢᠨ ᠢ ᠶᠡᠬᠡᠪᠡᠷ ᠳᠡᠬᠡᠭᠰᠢᠯᠡᠬᠦᠯᠦᠨ᠎ᠡ᠃ | ᠮᠠᠯᠴᠢᠨ ᠳᠠᠷᠢᠶᠠᠴᠢᠨ ᠤ ᠳᠤᠰᠬᠠᠢ ᠬᠤᠷᠰᠢᠶᠡᠵᠢᠯ ᠢ ᠬᠦᠭᠵᠢᠬᠦᠯᠬᠦ ᠪᠠᠨ ᠳᠦᠷᠬᠡᠳᠬᠡᠵᠤ᠂ ᠮᠠᠯᠵᠢᠬᠤ ᠳᠠᠷᠢᠶᠠᠯᠠᠬᠤ | ᠤᠷᠤᠨ ᠤ ᠮᠡᠳᠡᠭᠡ ᠵᠠᠩᠬᠢᠵᠢᠯᠳᠡ ᠶᠢᠨ ᠦᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠤᠨ᠂ ᠳᠠᠷᠢᠶᠠᠯᠠᠩ ᠤᠨ | ᠪᠡᠯᠡ ᠮᠦᠩᠬᠦᠨ ᠤ ᠬᠠᠩᠭᠠᠯᠳᠠ ᠶᠢ ᠪᠠᠳᠤᠯᠠᠵᠤ᠂ ᠦᠢᠯᠡᠳᠪᠦᠷᠢᠯᠡᠵᠤ ᠪᠤᠷᠤᠯᠠᠭᠤᠯᠬᠤ ᠠᠷᠭ᠎ᠠ ᠵᠠᠮ ᠢ | ᠰᠢᠯᠤᠭᠤᠳᠬᠠᠨ᠂ ᠮᠠᠯᠴᠢᠨ ᠳᠠᠷᠢᠶᠠᠴᠢᠨ ᠤ ᠠᠮᠢ ᠪᠡᠶ᠎ᠡ ᠶᠢᠨ ᠠᠰᠢᠭ ᠳᠤᠰᠠ ᠶᠢ ᠬᠠᠮᠠᠭᠠᠯᠠᠨ᠎ᠠ᠃ | ᠭᠤᠷᠪᠠ ᠳᠤ᠂ ᠭᠤᠷᠪᠠᠳᠤᠭᠠᠷ ᠠᠵᠤ ᠦᠢᠯᠡᠰ ᠤᠨ ᠤᠯᠠᠨ ᠡᠰᠢᠵᠢᠯᠳᠡ ᠶᠢ ᠬᠦᠴᠦᠳᠡᠢ ᠳᠦᠯᠬᠢᠨ ᠠᠬᠢᠭᠤᠯᠵᠤ᠂ | ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠳᠠ ᠶᠢ | ᠳᠦᠷᠬᠡᠳᠬᠡᠨ ᠬᠡᠷᠡᠭᠵᠢᠬᠦᠯᠦᠨ᠎ᠡ᠃《 ᠬᠠᠨ ᠳᠡᠭᠷᠢ ᠠᠷᠢᠭᠤᠨ ᠳᠠᠷᠬᠠᠨ ᠠᠯᠠᠱᠠ》 ᠪᠠᠷ ᠭᠤᠤᠯ ᠰᠡᠳᠦᠪᠳᠤ ᠳᠦᠷᠢ | ᠳᠦᠷᠬᠦ ᠪᠠᠨ ᠪᠤᠯᠭᠠᠵᠤ᠂ ᠠᠯᠠᠱᠠ ᠶᠢᠨ ᠡᠯᠡᠰᠦ ᠮᠠᠩᠬᠠᠨ ᠤ ᠳᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠢ | ᠳᠦᠰᠢᠭᠯᠡᠨ᠂ ᠵᠢᠭᠤᠯᠴᠢᠯᠠᠯ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ | ᠪᠠᠨ ᠨᠡᠮᠡᠭᠳᠡᠬᠦᠯᠦᠨ᠂ ᠵᠢᠭᠤᠯᠴᠢᠯᠠᠯ ᠤᠨ ᠦᠢᠯᠡᠴᠢᠯᠡᠬᠡᠨ ᠤ ᠳᠤᠭᠳᠠᠯᠴᠠᠭ᠎ᠠ ᠶᠢ ᠳᠡᠬᠦᠯᠳᠡᠷᠵᠢᠬᠦᠯᠵᠤ᠂ | ᠵᠢᠭᠤᠯᠴᠢᠯᠠᠯ ᠤᠨ ᠦᠢᠯᠡᠴᠢᠯᠡᠬᠡᠨ ᠤ ᠳᠦᠪᠰᠢᠨ ᠢ ᠳᠡᠬᠡᠭᠰᠢᠯᠡᠬᠦᠯᠦᠨ᠎ᠡ᠃ ᠤᠳᠤᠨ ᠳᠡᠰ ᠤᠨ ᠵᠢᠭᠤᠯᠴᠢᠯᠠᠯ ᠤᠨ | ᠦᠵᠡᠮᠵᠢᠳᠤ ᠤᠷᠤᠨ ᠨᠢ ᠨᠢᠩᠰᠢᠶᠠ᠂ ᠭᠠᠨᠰᠤ᠂ ᠱᠠᠨᠰᠢ ᠵᠡᠷᠬᠡ ᠤᠶᠢᠷ᠎ᠠ ᠤᠷᠴᠢᠮ ᠤᠨ ᠨᠡᠷᠡᠳᠤ ᠵᠢᠭᠤᠯᠴᠢᠯᠠᠯ ᠤᠨ | ᠭᠠᠵᠠᠷ ᠤᠷᠤᠨ ᠲᠠᠢ ᠬᠤᠯᠪᠤᠭᠠᠯᠠᠵᠤ ᠠᠵᠢᠯᠯᠠᠬᠤ ᠶᠢ ᠦᠷᠬᠡᠳᠬᠡᠵᠤ᠂《 ᠵᠢᠭᠤᠯᠴᠢᠯᠠᠯ᠂ ᠠᠮᠢ ᠠᠬᠤᠢ᠂ ᠰᠤᠶᠤᠯ | 》ᠤᠶᠠᠯᠳᠤᠨ ᠬᠦᠭᠵᠢᠬᠦ ᠶᠢ ᠠᠬᠢᠭᠤᠯᠵᠤ᠂ ᠪᠦᠬᠦ ᠤᠯᠤᠰ ᠲᠤ ᠠᠯᠳᠠᠷᠳᠠᠢ ᠵᠢᠭᠤᠯᠴᠢᠯᠠᠯ ᠤᠨ ᠬᠦᠰᠡᠯᠳᠤ | ᠤᠷᠤᠨ ᠢ ᠪᠠᠶᠢᠭᠤᠯᠤᠨ᠎ᠠ᠃ ᠦᠪᠡᠷᠮᠢᠴᠡ ᠪᠠᠶᠠᠯᠢᠭ ᠠᠯᠠᠱᠠ ᠬᠠᠰ · ᠦᠵᠡᠮᠦᠷᠢ ᠶᠢᠨ ᠴᠢᠯᠠᠭᠤᠨ ᠤ ᠡᠬᠢ | ᠪᠠᠶᠠᠯᠢᠭ ᠤᠨ ᠳᠠᠪᠠᠭᠤᠯᠢᠭ ᠢᠶᠠᠨ ᠳᠦᠰᠢᠭᠯᠡᠨ᠂ ᠬᠠᠰ ᠰᠡᠶᠢᠯᠦᠮᠡᠯ᠂ ᠦᠵᠡᠮᠦᠷᠢ ᠶᠢᠨ ᠴᠢᠯᠠᠭᠤᠨ ᠤ ᠰᠤᠶᠤᠯ ᠤᠨ | ᠪᠦᠳᠦᠬᠡᠭᠳᠡᠬᠦᠨ ᠢ ᠬᠦᠭᠵᠢᠬᠦᠯᠵᠤ᠂《 ᠳᠤᠮᠳᠠᠳᠤ ᠤᠯᠤᠰ ᠤᠨ ᠦᠵᠡᠮᠦᠷᠢ ᠶᠢᠨ ᠴᠢᠯᠠᠭᠤᠨ ᠤ ᠬᠤᠳᠠ》 ᠶᠢᠨ | ᠨᠡᠷ᠎ᠡ ᠨᠦᠯᠦᠬᠡ ᠶᠢ ᠦᠷᠬᠡᠳᠬᠡᠨ᠂《 ᠳᠤᠮᠳᠠᠳᠤ ᠤᠯᠤᠰ ᠤᠨ ᠪᠠᠷᠠᠭᠤᠨ ᠤᠷᠤᠨ ᠤ ᠦᠩᠬᠡᠳᠤ ᠬᠠᠰ ᠤᠨ | ᠬᠤᠳᠠ》 ᠶᠢ ᠪᠦᠳᠦᠬᠡᠨ ᠪᠠᠶᠢᠭᠤᠯᠤᠨ᠎ᠠ᠃ ᠵᠠᠮ ᠬᠠᠷᠢᠯᠴᠠᠭ᠎ᠠ᠂ ᠤᠷᠤᠨ ᠪᠠᠶᠢᠷᠢ ᠪᠠ ᠠᠵᠤ ᠦᠢᠯᠡᠰ ᠤᠨ | ᠳᠠᠪᠠᠭᠤᠯᠢᠭ ᠢᠶᠠᠨ ᠪᠠᠳᠠᠷᠠᠭᠤᠯᠤᠨ᠂ ᠤᠯᠠᠨᠪᠤᠯᠠᠭ᠂ ᠵᠢᠷᠠᠳᠠᠢ ᠵᠡᠷᠬᠡ 5 ᠪᠤᠳᠠᠰ ᠤᠨ ᠬᠦᠢᠯᠬᠡᠬᠡᠨ ᠤ ᠳᠤᠭᠤᠷᠢᠭ ᠢ | ᠰᠠᠶᠢᠳᠤᠷ ᠪᠦᠳᠦᠬᠡᠨ ᠪᠠᠶᠢᠭᠤᠯᠤᠨ᠎ᠠ᠃ ᠪᠠᠭ᠎ᠠ ᠳᠤᠭᠠᠨ ᠤ ᠵᠢᠬᠡᠯᠡᠯᠬᠡ ᠶᠢᠨ ᠺᠤᠮᠫᠠᠨᠢ᠂ ᠬᠦᠳᠡᠭᠡ ᠳᠤᠰᠬᠤᠨ ᠤ | ᠪᠠᠩᠬᠢ ᠶᠢᠨ ᠬᠦᠭᠵᠢᠯᠳᠡ ᠶᠢ ᠳᠦᠷᠬᠡᠳᠬᠡᠨ᠂ ᠳᠦᠬᠦᠮ ᠳᠦᠳᠡ ᠦᠢᠯᠡᠴᠢᠯᠡᠬᠡᠨ ᠤ ᠳᠠᠪᠴᠠᠩ ᠢ ᠡᠬᠦᠳᠦᠨ | ᠪᠠᠶᠢᠭᠤᠯᠤᠨ᠎ᠠ᠃ ᠠᠳᠠᠯ ᠠᠬᠤᠢ ᠶᠢᠨ ᠦᠢᠯᠡᠰ᠂ ᠬᠡᠷ ᠤᠨ ᠶᠠᠪᠤᠳᠠᠯ᠂ ᠮᠠᠰᠢᠨ ᠳᠡᠷᠬᠡᠨ ᠤ ᠡᠵᠡᠩᠨᠡᠨ | ᠪᠤᠷᠤᠯᠠᠭᠤᠯᠤᠯᠳᠠ ᠵᠡᠷᠬᠡ ᠰᠠᠭᠤᠭᠠᠯᠢ ᠠᠷᠠᠳ ᠤᠨ ᠱᠠᠭᠠᠷᠳᠠᠯᠭ᠎ᠠ ᠶᠢ ᠬᠠᠩᠭᠠᠬᠤ ᠠᠵᠤ ᠦᠢᠯᠡᠰ ᠢ ᠪᠤᠶᠢᠵᠢᠭᠤᠯᠵᠤ | ᠳᠡᠮᠵᠢᠨ᠂ ᠶᠡᠷᠦᠩᠬᠡᠢ ᠬᠡᠯᠳᠡᠰ ᠤᠨ ᠠᠵᠤ ᠠᠬᠤᠢ᠂ ᠠᠰᠠᠷ ᠪᠠᠶᠢᠰᠢᠩ ᠤᠨ ᠠᠵᠤ ᠠᠬᠤᠢ ᠵᠡᠷᠬᠡ ᠰᠢᠨ᠎ᠡ ᠪᠠᠷ | ᠮᠠᠨᠳᠤᠭᠰᠠᠨ ᠠᠵᠤ ᠦᠢᠯᠡᠰ ᠢ ᠰᠦᠪᠡᠭᠴᠢᠯᠡᠨ ᠬᠦᠭᠵᠢᠬᠦᠯᠦᠨ᠎ᠡ᠃ ᠮᠤᠩᠭᠤᠯ ᠤᠯᠤᠰ ᠯᠤᠭ᠎ᠠ ᠶᠢᠨ ᠠᠵᠤ ᠠᠬᠤᠢ | ᠰᠤᠶᠤᠯ ᠤᠨ ᠰᠤᠯᠢᠯᠴᠠᠭ᠎ᠠ ᠪᠠᠨ ᠦᠷᠬᠡᠳᠬᠡᠵᠤ᠂ ᠦᠯᠵᠡᠢ ᠪᠤᠭᠤᠮᠳᠠ ᠶᠢ ᠨᠡᠬᠡᠬᠡᠨ ᠪᠦᠳᠦᠬᠡᠨ ᠪᠠᠶᠢᠭᠤᠯᠵᠤ᠂ | ᠪᠤᠭᠤᠮᠳᠠ ᠶᠢᠨ ᠠᠵᠤ ᠠᠬᠤᠢ ᠶᠢ ᠶᠡᠬᠡᠪᠡᠷ ᠬᠦᠭᠵᠢᠬᠦᠯᠦᠨ᠎ᠡ᠃ | ᠳᠦᠷᠪᠡ ᠳᠤ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠳᠦᠪᠰᠢᠨ ᠢ | ᠬᠦᠴᠦᠯᠡᠨ ᠳᠡᠬᠡᠭᠰᠢᠯᠡᠬᠦᠯᠵᠤ᠂ ᠬᠤᠳᠠ ᠬᠦᠳᠡᠭᠡ ᠶᠢᠨ ᠨᠢᠬᠡ ᠴᠤᠭᠴᠠᠵᠢᠯᠳᠠ ᠶᠢᠨ ᠢᠨᠵᠧᠨᠧᠷᠢᠩ ᠤᠨ ᠰᠢᠰᠲ᠋ᠧᠮ | ᠤᠨ ᠪᠠᠶᠢᠭᠤᠯᠤᠯᠳᠠ ᠶᠢ ᠳᠦᠷᠬᠡᠳᠬᠡᠨ ᠬᠡᠷᠡᠭᠵᠢᠬᠦᠯᠦᠨ᠎ᠡ᠃ ᠦᠨᠳᠦᠷ ᠪᠠᠷᠢᠮᠵᠢᠶ᠎ᠠ᠂ ᠰᠠᠶᠢᠨ ᠡᠬᠢᠯᠡᠯᠳᠡ ᠪᠠᠷ ᠬᠤᠳᠠ | ᠪᠠᠯᠭᠠᠰᠤᠨ ᠤ ᠳᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠵᠤ᠂ ᠪᠠᠶᠠᠨᠬᠤᠳᠠ ᠪᠠᠷ | ᠳᠦᠪ ᠪᠤᠯᠭᠠᠵᠤ᠂ ᠳᠡᠭᠷᠢ᠂ ᠤᠯᠠᠨᠪᠤᠯᠠᠭ᠂ ᠵᠡᠬᠦᠨ ᠪᠡᠯ᠂ ᠵᠢᠷᠠᠳᠠᠢ᠂ ᠪᠠᠷᠠᠭᠤᠨ ᠪᠡᠯ᠂ ᠤᠨᠳᠤᠷᠤᠯᠳᠤ᠂ ᠦᠯᠵᠡᠢ | ᠵᠡᠷᠬᠡ ᠭᠠᠵᠠᠷ ᠤᠷᠤᠨ ᠤ ᠵᠠᠩᠬᠢᠯᠠᠭ᠎ᠠ ᠪᠤᠯᠬᠤ ᠬᠤᠳᠠ ᠪᠠᠯᠭᠠᠰᠤᠨ ᠤ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠨ᠂ ᠳᠤᠰ ᠳᠤᠰ ᠤᠨ ᠤᠨᠴᠠᠯᠢᠭ ᠲᠠᠢ᠂ ᠦᠢᠯᠡᠳᠦᠯ | ᠴᠢᠳᠠᠪᠬᠢ ᠪᠠᠨ ᠬᠠᠷᠢᠯᠴᠠᠨ ᠨᠦᠬᠦᠪᠦᠷᠢᠯᠡᠭᠰᠡᠨ᠂ ᠳᠡᠰ ᠳᠠᠪᠬᠤᠷᠭ᠎ᠠ ᠨᠢ ᠳᠤᠳᠤᠷᠬᠠᠢ ᠬᠤᠳᠠ ᠪᠠᠯᠭᠠᠰᠤᠨ ᠤ | ᠬᠦᠭᠵᠢᠯᠳᠡ ᠶᠢᠨ ᠪᠠᠶᠢᠷᠢᠯᠠᠭᠤᠯᠤᠯᠳᠠ ᠶᠢ ᠪᠤᠢ ᠪᠤᠯᠭᠠᠵᠤ᠂ ᠳᠠᠷᠢᠶᠠᠯᠠᠩ ᠤᠨ ᠵᠢᠱᠢᠶ᠎ᠡ ᠦᠵᠡᠬᠦᠯᠬᠦ ᠪᠠᠯᠭᠠᠰᠤ᠂ | ᠴᠢᠬᠤᠯᠠ ᠠᠵᠤ ᠦᠢᠯᠡᠳᠪᠦᠷᠢ ᠶᠢᠨ ᠪᠠᠯᠭᠠᠰᠤ᠂ ᠵᠢᠭᠤᠯᠴᠢᠯᠠᠯ ᠤᠨ ᠨᠡᠷᠡᠳᠤ ᠪᠠᠯᠭᠠᠰᠤ ᠪᠠ ᠬᠢᠯᠢ ᠶᠢᠨ ᠠᠷᠠᠯᠵᠢᠶ᠎ᠠ | ᠳᠦᠪᠯᠡᠷᠡᠭᠰᠡᠨ ᠪᠠᠯᠭᠠᠰᠤ ᠶᠢ ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃《 ᠠᠮᠢ ᠠᠬᠤᠶᠢᠴᠢ ᠠᠮᠢᠳᠤᠷᠠᠬᠤ ᠳᠤ | ᠳᠠᠭᠠᠯᠠᠮᠵᠢᠳᠠᠢ ᠵᠢᠭᠤᠯᠴᠢᠯᠠᠯ ᠤᠨ ᠬᠤᠳᠠ 》 ᠶᠢ ᠪᠦᠳᠦᠬᠡᠨ ᠪᠠᠶᠢᠭᠤᠯᠬᠤ ᠬᠠᠷᠠᠯᠳᠠ ᠶᠢᠨ ᠳᠤᠭᠤᠷᠢᠨ ᠳᠤ᠂ | ᠬᠤᠳᠠ ᠶᠢᠨ ᠬᠠᠮᠢᠶᠠᠷᠤᠯᠳᠠ ᠶᠢᠨ ᠳᠦᠪᠰᠢᠨ ᠢ ᠳᠡᠬᠡᠭᠰᠢᠯᠡᠬᠦᠯᠵᠤ᠂ ᠪᠠᠶᠠᠨᠬᠤᠳᠠ ᠶᠢᠨ ᠬᠤᠳᠠ ᠪᠠᠯᠭᠠᠰᠤᠨ ᠤ | ᠴᠢᠨᠠᠷ ᠳᠡᠰ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ ᠪᠠᠭ᠎ᠠ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ | ᠪᠠ ᠤᠨᠴᠠᠯᠢᠭᠳᠤ ᠠᠵᠤ ᠦᠢᠯᠡᠰ ᠪᠤᠶᠢᠵᠢᠭᠤᠯᠬᠤ ᠶᠢ ᠤᠶᠠᠯᠳᠤᠭᠤᠯᠤᠨ᠂ ᠠᠵᠤ ᠦᠢᠯᠡᠰ ᠤᠨ ᠳᠦᠪᠯᠡᠷᠡᠯ ᠢ | ᠳᠦᠷᠬᠡᠳᠬᠡᠵᠤ᠂ ᠬᠦᠮᠦᠨ ᠠᠮᠠ ᠶᠢᠨ ᠰᠢᠯᠵᠢᠯᠳᠡ ᠶᠢ ᠬᠦᠯᠢᠶᠡᠨ ᠠᠪᠴᠤ᠂ ᠨᠢᠬᠡ ᠪᠦᠯᠦᠭ ᠦᠪᠡᠷᠮᠢᠴᠡ ᠤᠨᠴᠠᠯᠢᠭ | ᠢᠶᠠᠷ ᠳᠤᠳᠤᠷᠬᠠᠢ ᠪᠠᠭ᠎ᠠ ᠬᠤᠳᠠ ᠪᠠᠯᠭᠠᠰᠤᠨ ᠤ ᠳᠦᠷᠢ ᠪᠠᠶᠢᠳᠠᠯ ᠢ ᠬᠦᠴᠦ ᠤᠷᠤᠭᠤᠯᠤᠨ ᠪᠤᠢ ᠪᠤᠯᠭᠠᠨ᠎ᠠ᠃ ᠵᠤᠯ | ᠵᠢᠷᠭᠠᠯᠳᠤ ᠭᠠᠴᠠᠭ᠎ᠠ ᠳᠤᠰᠬᠤᠨ ᠤ ᠳᠦᠯᠦᠪᠯᠡᠭᠡ ᠶᠢ ᠬᠡᠷᠡᠭᠵᠢᠬᠦᠯᠵᠤ᠂ ᠰᠢᠨ᠎ᠡ ᠬᠦᠳᠡᠭᠡ ᠳᠤᠰᠬᠤᠨ ᠮᠠᠯᠵᠢᠬᠤ | ᠤᠷᠤᠨ ᠤ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠎ᠡ᠃ 2017 ᠤᠨ ᠪᠤᠯᠬᠤ ᠳᠤ᠂ ᠪᠦᠬᠦ ᠬᠤᠰᠢᠭᠤᠨ ᠤ | ᠬᠤᠳᠠ ᠪᠠᠯᠭᠠᠰᠤᠵᠢᠯᠳᠠ ᠶᠢᠨ ᠬᠡᠮᠵᠢᠶ᠎ᠡ ᠶᠢ 80% ᠳᠤ ᠬᠦᠷᠬᠡᠬᠦ ᠪᠠᠷ ᠴᠢᠷᠮᠠᠶᠢᠨ᠎ᠠ᠃ | ᠳᠠᠪᠤ ᠳᠤ᠂ ᠬᠦᠭᠵᠢᠯᠳᠡ ᠶᠢᠨ ᠤᠷᠴᠢᠨ ᠢ ᠬᠦᠴᠦ ᠳᠠᠯᠪᠢᠨ ᠰᠠᠶᠢᠵᠢᠷᠠᠭᠤᠯᠵᠤ᠂ ᠰᠠᠭᠤᠷᠢ ᠳᠦᠬᠦᠬᠡᠷᠦᠮᠵᠢ ᠶᠢᠨ | ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠳᠠ ᠶᠢ ᠳᠦᠷᠬᠡᠳᠬᠡᠨ ᠬᠡᠷᠡᠭᠵᠢᠬᠦᠯᠦᠨ᠎ᠡ᠃ ᠤᠰᠤᠨ ᠤ ᠡᠬᠢ | ᠰᠤᠷᠪᠤᠯᠵᠢ ᠶᠢ ᠵᠦᠢ ᠵᠤᠬᠢᠰᠳᠠᠢ ᠨᠡᠬᠡᠬᠡᠨ ᠠᠰᠢᠭᠯᠠᠵᠤ᠂ ᠬᠦᠮᠦᠨ ᠮᠠᠯ ᠤᠨ ᠤᠤᠭᠤᠬᠤ ᠤᠰᠤ᠂ ᠪᠠᠭ᠎ᠠ ᠰᠠᠪᠠ | ᠭᠠᠵᠠᠷ ᠤᠨ ᠵᠠᠰᠠᠨ ᠴᠡᠭᠴᠡᠯᠡᠯᠳᠡ ᠪᠠ ᠳᠠᠷᠢᠶᠠᠯᠠᠩ ᠤᠨ ᠤᠰᠤᠨ ᠠᠰᠢᠭᠯᠠᠯᠳᠠ ᠶᠢᠨ ᠰᠠᠭᠤᠷᠢ ᠪᠦᠳᠦᠬᠡᠨ | ᠪᠠᠶᠢᠭᠤᠯᠤᠯᠳᠠ ᠵᠡᠷᠬᠡ ᠭᠤᠷᠪᠠᠨ ᠳᠦᠷᠦᠯ ᠤᠨ ᠰᠠᠭᠤᠷᠢ ᠪᠤᠯᠬᠤ ᠢᠨᠵᠧᠨᠧᠷᠢᠩ ᠢ ᠦᠷᠬᠦᠯᠵᠢᠯᠡᠨ ᠰᠠᠶᠢᠳᠤᠷ ᠬᠢᠨ᠎ᠡ᠃ | ᠬᠠᠳᠤᠨ ᠭᠤᠤᠯ ᠤᠨ ᠤᠰᠤᠨ ᠤ ᠡᠷᠬᠡ ᠰᠤᠯᠢᠬᠤ ᠠᠵᠢᠯ ᠢ ᠳᠦᠷᠬᠡᠳᠬᠡᠨ᠂ ᠤᠷᠤᠨ ᠳᠤᠭᠤᠷᠢᠭ ᠤᠨ ᠬᠡᠷᠡᠭᠯᠡᠬᠦ | ᠤᠰᠤᠨ ᠤ ᠪᠦᠳᠦᠮᠵᠢᠳᠡᠢ ᠬᠠᠩᠭᠠᠯᠳᠠ ᠶᠢ ᠪᠠᠳᠤᠯᠠᠨ᠂《 ᠤᠰᠤ ᠳᠤᠳᠠᠮᠠᠭ》 ᠠᠰᠠᠭᠤᠳᠠᠯ ᠢ ᠦᠨᠡᠨᠬᠦ | ᠰᠢᠢᠳᠪᠦᠷᠢᠯᠡᠨ᠎ᠡ᠃ ᠪᠠᠶᠠᠨᠬᠤᠳᠠ ᠶᠢᠨ ᠢᠯᠴᠢ ᠴᠠᠬᠢᠯᠭᠠᠨ ᠢ ᠵᠡᠷᠬᠡᠪᠡᠷ ᠦᠢᠯᠡᠳᠪᠦᠷᠢᠯᠡᠬᠦ ᠳᠦᠷᠦᠯ ᠵᠦᠢᠯ ᠢ | ᠬᠡᠷᠡᠭᠵᠢᠬᠦᠯᠦᠨ᠂ ᠪᠠᠶᠠᠨᠬᠤᠳᠠ ᠵᠡᠷᠬᠡ ᠳᠦᠷᠪᠡᠨ 500 ᠺᠢᠯᠤᠸᠤᠯᠲ᠂ ᠳᠡᠭᠷᠢ ᠵᠡᠷᠬᠡ ᠳᠤᠯᠤᠭᠠᠨ 220 ᠺᠢᠯᠤᠸᠤᠯᠲ | ᠶᠢᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠢᠨᠵᠧᠨᠧᠷᠢᠩ ᠢ ᠬᠡᠷᠡᠭᠵᠢᠬᠦᠯᠵᠤ᠂ ᠴᠠᠬᠢᠯᠭᠠᠨ ᠳᠤᠤᠷ ᠤᠨ | ᠪᠦᠳᠦᠬᠡᠨ ᠪᠠᠶᠢᠭᠤᠯᠤᠯᠳᠠ ᠶᠢᠨ ᠳᠦᠪᠰᠢᠨ ᠪᠠ ᠴᠠᠬᠢᠯᠭᠠᠨ ᠬᠦᠴᠦᠨ ᠤ ᠪᠠᠳᠤᠯᠠᠭᠠᠨ ᠤ ᠴᠢᠳᠠᠪᠬᠢ ᠶᠢ ᠪᠦᠬᠦ | ᠳᠠᠯ᠎ᠠ ᠪᠠᠷ ᠳᠡᠬᠡᠭᠰᠢᠯᠡᠬᠦᠯᠦᠨ᠎ᠡ᠃ ᠵᠠᠮ ᠳᠤᠤᠷ ᠤᠨ ᠪᠦᠳᠦᠴᠡ ᠶᠢ ᠰᠢᠯᠢᠳᠡᠭᠵᠢᠬᠦᠯᠬᠦ ᠠᠵᠢᠯ ᠤᠨ ᠳᠤᠭᠤᠷᠢᠨ ᠳᠤ᠂ | ᠪᠡᠬᠡᠵᠢᠩ ᠠᠴᠠ ᠰᠢᠨᠵᠢᠶᠠᠩ ᠬᠦᠷᠬᠦ ᠳᠦᠷᠬᠡᠨ ᠵᠠᠮ ᠤᠨ ᠠᠯᠠᠱᠠ ᠵᠡᠬᠦᠨ ᠬᠤᠰᠢᠭᠤᠨ ᠤ ᠬᠡᠰᠡᠭ ᠤᠨ ᠪᠦᠳᠦᠬᠡᠨ | ᠪᠠᠶᠢᠭᠤᠯᠤᠯᠳᠠ ᠶᠢ ᠳᠦᠯᠬᠢᠨ ᠠᠬᠢᠭᠤᠯᠵᠤ᠂ ᠦᠬᠠᠢ ᠠᠴᠠ ᠪᠠᠶᠠᠨᠬᠤᠳᠠ ᠬᠦᠷᠬᠦ ᠳᠦᠷᠬᠡᠨ ᠵᠠᠮ ᠪᠠ ᠯᠢᠨ | ᠡᠾᠧ ᠠᠴᠠ ᠴᠡᠭᠡ ᠬᠦᠷᠬᠦ ᠳᠡᠮᠦᠷ ᠵᠠᠮ ᠤᠨ ᠴᠠᠭᠠᠨᠳᠡᠷᠡᠰᠤ ᠦᠷᠳᠡᠬᠡᠨ ᠠᠴᠠ ᠵᠢᠷᠠᠳᠠᠢ᠂ ᠪᠠᠶᠠᠨᠬᠤᠳᠠ ᠪᠠᠷ | ᠦᠩᠬᠡᠷᠡᠨ᠂ ᠳᠡᠷᠡᠰᠦᠨ ᠵᠢᠴᠢ ᠢᠷᠭᠠᠢ ᠬᠦᠷᠬᠦ ᠳᠡᠮᠦᠷ ᠵᠠᠮ ᠢ ᠪᠦᠳᠦᠬᠡᠨ ᠪᠠᠶᠢᠭᠤᠯᠬᠤ ᠪᠠᠷ ᠳᠦᠯᠦᠪᠯᠡᠵᠤ᠂ ᠠᠯᠠᠱᠠ | ᠵᠡᠬᠦᠨ ᠬᠤᠰᠢᠭᠤᠨ ᠤ ᠵᠠᠮ ᠬᠠᠷᠢᠯᠴᠠᠭᠠᠨ ᠤ ᠶᠡᠭᠡ ᠰᠢᠰᠲ᠋ᠧᠮ ᠢ ᠪᠤᠢ ᠪᠤᠯᠭᠠᠨ᠂《 ᠵᠠᠮ ᠬᠠᠷᠢᠯᠴᠠᠭ᠎ᠠ ᠳᠦᠬᠦᠮ | ᠪᠤᠰᠤ》ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ ᠢᠳᠡᠬᠡᠮᠵᠢᠳᠤ ᠪᠠᠳᠤᠯᠠᠭᠠᠨ ᠤ ᠺᠤᠮᠫᠠᠨᠢ ᠳᠤ | 1000 ᠳᠦᠮᠡᠨ ᠳᠦᠬᠦᠷᠢᠭ ᠤᠨ ᠪᠡᠯᠡ ᠮᠦᠩᠬᠦ ᠶᠢ ᠨᠡᠮᠡᠵᠤ ᠤᠷᠤᠭᠤᠯᠤᠨ᠂ ᠢᠳᠡᠬᠡᠮᠵᠢᠳᠤ ᠪᠠᠳᠤᠯᠠᠭᠠᠨ ᠤ ᠪᠡᠯᠡ | ᠤᠷᠤᠭᠤᠯᠬᠤ ᠳᠠᠪᠴᠠᠩ ᠢ ᠶᠡᠬᠡᠰᠬᠡᠵᠤ᠂ ᠳᠤᠮᠳᠠ ᠪᠠᠭ᠎ᠠ ᠠᠵᠤ ᠠᠬᠤᠶᠢᠯᠠᠯ ᠳᠤ ᠦᠢᠯᠡᠴᠢᠯᠡᠨ᠎ᠡ᠃ ᠭᠠᠵᠠᠷ ᠰᠢᠷᠤᠢ᠂ | ᠡᠳ᠋ ᠤᠨ ᠵᠠᠰᠠᠭ ᠤᠨ ᠭᠠᠶᠢᠯᠢ᠂ ᠴᠢᠳᠠᠪᠤᠷᠢᠳᠠᠨ᠂ ᠬᠢᠨᠠᠨ ᠵᠦᠪᠰᠢᠶᠡᠷᠡᠬᠦ ᠵᠡᠷᠬᠡ ᠳᠠᠯ᠎ᠠ ᠪᠠᠷ ᠨᠡᠩ ᠰᠠᠶᠢᠨ | ᠬᠠᠷᠠᠭᠠᠯᠵᠠᠯᠳᠤ ᠳᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠪᠤᠳᠠᠳᠠᠢ ᠶᠢ ᠡᠷᠬᠢᠮᠯᠡᠨ ᠰᠢᠨ᠎ᠡ ᠶᠢ ᠡᠬᠦᠳᠬᠦ᠂ | ᠰᠢᠯᠢᠳᠡᠭ ᠴᠢᠨᠠᠷ ᠲᠠᠢ ᠦᠨᠳᠦᠷ ᠪᠦᠳᠦᠮᠵᠢᠳᠤ ᠪᠡᠯᠡ ᠤᠷᠤᠭᠤᠯᠤᠯᠳᠠ ᠶᠢᠨ ᠤᠷᠴᠢᠨ ᠢ ᠪᠤᠢ ᠪᠤᠯᠭᠠᠵᠤ᠂ ᠠᠯᠠᠱᠠ | ᠵᠡᠬᠦᠨ ᠬᠤᠰᠢᠭᠤ ᠶᠢ ᠬᠤᠯᠠ ᠤᠶᠢᠷ᠎ᠠ ᠶᠢᠨ ᠬᠦᠮᠦᠰ ᠤᠨ ᠬᠦᠰᠡᠨ ᠡᠷᠡᠮᠡᠯᠵᠡᠳᠡᠭ ᠤᠷᠴᠢᠨ ᠠᠬᠤᠢ ᠰᠢᠯᠢᠳᠡᠭ᠂ | ᠤᠷᠤᠰᠢᠨ ᠰᠠᠭᠤᠷᠢᠰᠢᠬᠤ ᠳᠤ ᠳᠠᠭᠠᠯᠠᠮᠵᠢᠳᠠᠢ ᠦᠢᠯᠡᠰ ᠤᠨ ᠰᠠᠶᠢᠬᠠᠨ ᠨᠤᠳᠤᠭ ᠪᠤᠯᠭᠠᠨ᠎ᠠ᠃ | ᠵᠢᠷᠭᠤᠭ᠎ᠠ ᠳᠤ᠂ ᠠᠮᠢ ᠠᠬᠤᠢ ᠶᠢᠨ ᠬᠠᠮᠠᠭᠠᠯᠠᠯᠳᠠ ᠶᠢ ᠬᠦᠴᠦ ᠳᠠᠯᠪᠢᠨ ᠴᠢᠩᠭᠠᠳᠬᠠᠵᠤ᠂ ᠠᠮᠢ ᠠᠬᠤᠢ ᠶᠢᠨ | ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠳᠠ ᠶᠢ ᠳᠦᠷᠬᠡᠳᠬᠡᠨ ᠬᠡᠷᠡᠭᠵᠢᠬᠦᠯᠦᠨ᠎ᠡ᠃ ᠬᠠᠳᠤᠨ ᠭᠤᠤᠯ ᠤᠨ | ᠬᠦᠢᠪᠦᠷᠢ ᠳᠠᠬᠢ ᠦᠶᠡᠷ ᠬᠤᠷᠠᠭᠤᠯᠬᠤ ᠤᠷᠤᠨ ᠤ ᠳᠦᠷᠦᠯ ᠵᠦᠢᠯ ᠤᠨ ᠳᠦᠯᠦᠪᠵᠢᠬᠦᠯᠬᠡ᠂ ᠳᠦᠷᠦᠯ ᠵᠦᠢᠯ | ᠳᠤᠭᠳᠠᠭᠠᠬᠤ ᠪᠠ ᠪᠦᠳᠦᠬᠡᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠠᠬᠢᠭᠤᠯᠵᠤ᠂ ᠬᠠᠳᠤᠨ ᠭᠤᠤᠯ ᠤᠨ | ᠳᠤᠮᠳᠠ ᠳᠤᠤᠷ᠎ᠠ ᠤᠷᠤᠰᠬᠠᠯ ᠤᠨ ᠡᠷᠬᠢ ᠳᠠᠭᠠᠤ ᠤᠷᠤᠨ ᠤ ᠠᠶᠤᠯ ᠢ ᠳᠤᠶᠢᠯᠪᠤᠷᠢᠳᠠᠢ ᠰᠢᠢᠳᠪᠦᠷᠢᠯᠡᠵᠤ᠂ ᠤᠯᠠᠨ | ᠳᠦᠮᠡᠨ ᠤ ᠠᠮᠢ ᠪᠡᠶ᠎ᠡ ᠡᠳ᠋ ᠬᠦᠷᠦᠩᠬᠡ ᠶᠢᠨ ᠠᠮᠤᠷ ᠳᠦᠪᠰᠢᠨ ᠢ ᠪᠠᠳᠤᠯᠠᠵᠤ᠂ ᠠᠯᠠᠱᠠ ᠶᠢᠨ ᠠᠮᠢ ᠠᠬᠤᠢ | ᠶᠢᠨ ᠤᠷᠴᠢᠨ ᠢ ᠦᠨᠳᠦᠰᠦᠨ ᠠᠴᠠ ᠨᠢ ᠰᠠᠶᠢᠵᠢᠷᠠᠭᠤᠯᠤᠨ᠂ ᠦᠷ᠎ᠡ ᠬᠤᠶᠢᠴᠢᠰ ᠲᠠᠭᠠᠨ ᠪᠤᠶᠠᠨ ᠦᠢᠯᠡᠳᠦᠨ᠎ᠡ᠃ | ᠤᠯᠠᠭᠠᠨᠪᠤᠬ᠎ᠠ ᠠᠮᠢ ᠠᠬᠤᠢ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠤ ᠪᠦᠳᠦᠬᠡᠨ | ᠪᠠᠶᠢᠭᠤᠯᠤᠯᠳᠠ ᠶᠢ ᠭᠤᠤᠯᠳᠠᠯᠭ᠎ᠠ ᠲᠠᠢ ᠠᠳᠬᠤᠨ᠂ ᠰᠢᠨ᠎ᠡ ᠶᠢ ᠡᠬᠦᠳᠬᠦ ᠠᠵᠤ ᠦᠢᠯᠡᠰ ᠤᠨ ᠵᠢᠱᠢᠶ᠎ᠡ ᠦᠵᠡᠬᠦᠯᠬᠦ | ᠂ ᠠᠷᠠᠳ ᠢ ᠨᠡᠬᠦᠯᠬᠡᠨ ᠰᠢᠯᠵᠢᠬᠦᠯᠵᠤ ᠳᠦᠪᠬᠢᠨᠡᠬᠦᠯᠬᠦ᠂ ᠤᠷᠤᠰᠢᠨ ᠰᠠᠭᠤᠷᠢᠰᠢᠬᠤ ᠳᠤ ᠳᠤᠬᠢᠷᠠᠮᠵᠢᠳᠠᠢ ᠵᠢᠭᠤᠯᠴᠢᠯᠠᠯ | ᠰᠡᠯᠡᠬᠦᠴᠡᠯ ᠢ ᠨᠢᠬᠡ ᠴᠤᠭᠴᠠᠵᠢᠭᠤᠯᠤᠭᠰᠠᠨ ᠦᠪᠡᠷᠳᠡᠬᠡᠨ ᠵᠠᠰᠠᠬᠤ ᠤᠷᠤᠨ ᠤ ᠳᠡᠰ ᠤᠨ ᠠᠮᠢ ᠠᠬᠤᠢ ᠶᠢᠨ | ᠶᠡᠷᠦᠩᠬᠡᠶᠢᠯᠡᠨ ᠵᠠᠰᠠᠬᠤ ᠤᠷᠤᠨ ᠢ ᠪᠦᠳᠦᠬᠡᠨ ᠪᠠᠶᠢᠭᠤᠯᠵᠤ᠂ ᠠᠮᠢ ᠠᠬᠤᠢ ᠶᠢᠨ ᠦᠷ᠎ᠡ ᠠᠰᠢᠭ᠂ ᠠᠵᠤ ᠠᠬᠤᠢ | ᠶᠢᠨ ᠦᠷ᠎ᠡ ᠠᠰᠢᠭ᠂ ᠨᠡᠶᠢᠬᠡᠮ ᠤᠨ ᠦᠷ᠎ᠡ ᠠᠰᠢᠭ ᠢ ᠨᠢᠬᠡᠳᠬᠡᠭᠰᠡᠨ ᠵᠠᠮ ᠢᠶᠠᠷ ᠦᠨᠡᠨᠬᠦ ᠵᠠᠮᠨᠠᠨ᠎ᠠ᠃ ᠨᠡᠶᠢᠳᠡ | ᠶᠢᠨ ᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠪᠠ ᠨᠤᠳᠤᠭ ᠪᠡᠯᠴᠢᠬᠡᠷ ᠤᠨ ᠠᠮᠢ ᠠᠬᠤᠢ | ᠶᠢᠨ ᠬᠠᠮᠠᠭᠠᠯᠠᠯᠳᠠ ᠶᠢ ᠱᠠᠩᠨᠠᠨ ᠨᠦᠬᠦᠪᠦᠷᠢᠯᠡᠬᠦ ᠳᠤᠭᠳᠠᠴᠠ ᠶᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠵᠤ᠂ | ᠨᠤᠳᠤᠭ ᠪᠡᠯᠴᠢᠬᠡᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ ᠪᠦᠳᠦᠬᠡᠯ ᠢ ᠳᠠᠰᠤᠷᠠᠯᠳᠠ | ᠦᠬᠡᠢ ᠦᠷᠬᠡᠳᠬᠡᠨ᠎ᠡ᠃ 2017 ᠤᠨ ᠪᠤᠯᠬᠤ ᠳᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠶᠢ 13% | ᠠᠴᠠ ᠳᠡᠬᠡᠭᠰᠢ᠂ ᠡᠪᠡᠰᠦ ᠪᠡᠯᠴᠢᠬᠡᠷ ᠤᠨ ᠤᠷᠭᠤᠮᠠᠯ ᠤᠨ ᠪᠦᠷᠬᠦᠴᠡ ᠶᠢ 28% ᠠᠴᠠ ᠳᠡᠬᠡᠭᠰᠢ ᠳᠤ ᠬᠦᠷᠬᠡᠬᠦ | ᠪᠠᠷ ᠴᠢᠷᠮᠠᠶᠢᠨ᠎ᠠ᠃ ᠤᠷᠴᠢᠨ ᠳᠤᠭᠤᠷᠢᠨ ᠤ ᠬᠠᠮᠠᠭᠠᠯᠠᠯᠳᠠ ᠶᠢᠨ ᠪᠠᠷᠢᠮᠵᠢᠶ᠎ᠠ ᠶᠢ ᠴᠢᠩᠭ᠎ᠠ ᠠᠳᠬᠤᠵᠤ᠂ | ᠬᠤᠴᠤᠷᠤᠩᠭᠤᠢ ᠦᠢᠯᠡᠳᠪᠦᠷᠢᠯᠡᠯ ᠢ ᠳᠠᠶᠠᠭᠳᠠᠬᠤ ᠪᠠᠨ ᠳᠦᠷᠬᠡᠳᠬᠡᠨ᠂ ᠡᠷᠬᠢᠯᠳᠡᠳᠤ ᠠᠵᠤ ᠠᠬᠤᠢ᠂ ᠳᠤᠤᠷ᠎ᠠ | ᠨᠡᠬᠦᠷᠡᠰᠦᠳᠦ᠋ᠷᠦᠭᠴᠢᠳᠤ ᠠᠵᠤ ᠠᠬᠤᠢ ᠪᠠ ᠪᠤᠬᠢᠷᠳᠤᠯ ᠦᠬᠡᠢ ᠠᠵᠤ ᠠᠬᠤᠢ ᠶᠢ ᠬᠦᠴᠦ ᠳᠠᠯᠪᠢᠨ ᠬᠦᠭᠵᠢᠬᠦᠯᠵᠤ᠂ | ᠡᠯ᠎ᠡ ᠳᠦᠷᠦᠯ ᠤᠨ ᠡᠨᠧᠷᠬᠢ ᠠᠷᠪᠢᠯᠠᠵᠤ ᠪᠤᠬᠢᠷᠳᠤᠯ ᠪᠠᠭᠠᠰᠬᠠᠬᠤ ᠡᠬᠦᠷᠬᠡ ᠶᠢ ᠠᠮᠵᠢᠯᠳᠠᠳᠠᠢ ᠪᠡᠶᠡᠯᠡᠬᠦᠯᠦᠨ᠎ᠡ᠃ | ᠠᠭᠤᠯᠠ ᠠᠭᠤᠷᠬᠠᠢ ᠶᠢᠨ ᠭᠠᠵᠠᠷ ᠰᠢᠨᠵᠢᠯᠡᠬᠡᠨ ᠤ ᠤᠷᠴᠢᠨ ᠳᠤᠭᠤᠷᠢᠨ ᠤ ᠶᠡᠷᠦᠩᠬᠡᠢ ᠴᠡᠭᠴᠡᠯᠡᠯᠳᠡ ᠪᠠ《 | ᠨᠤᠭᠤᠭᠠᠨ ᠠᠭᠤᠯᠠ ᠠᠭᠤᠷᠬᠠᠢ》 ᠶᠢᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠦᠨ᠂ ᠰᠤᠮᠤ ᠪᠠᠯᠭᠠᠰᠤ᠂ ᠠᠵᠤ | ᠦᠢᠯᠡᠳᠪᠦᠷᠢ ᠶᠢᠨ ᠳᠤᠭᠤᠷᠢᠭ᠂ ᠠᠭᠤᠷᠬᠠᠢ ᠶᠢᠨ ᠤᠷᠤᠨ ᠠᠴᠠ ᠠᠮᠢ ᠠᠬᠤᠢ ᠶᠢᠨ ᠪᠤᠯᠪᠠᠰᠤᠨ ᠤ ᠵᠢᠱᠢᠶ᠎ᠡ | ᠦᠵᠡᠬᠦᠯᠬᠦ ᠤᠷᠤᠨ ᠢ ᠪᠦᠳᠦᠬᠡᠨ ᠪᠠᠶᠢᠭᠤᠯᠬᠤ ᠶᠢ ᠵᠤᠷᠢᠭᠵᠢᠭᠤᠯᠵᠤ᠂ ᠪᠦᠬᠦ ᠳᠠᠯ᠎ᠠ᠂ ᠤᠯᠠᠨ ᠳᠠᠪᠬᠤᠷᠭ᠎ᠠ ᠪᠠᠷ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠤᠨ᠎ᠠ᠃ | ᠳᠤᠯᠤᠭ᠎ᠠ ᠳᠤ᠂ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠳᠤ ᠬᠦᠴᠦ ᠳᠠᠯᠪᠢᠵᠤ᠂ ᠠᠷᠠᠳ ᠤᠨ | ᠠᠮᠢᠳᠤᠷᠠᠯ ᠤᠨ ᠢᠨᠵᠧᠨᠧᠷᠢᠩ ᠤᠨ ᠰᠢᠰᠲ᠋ᠧᠮ ᠤᠨ ᠪᠠᠶᠢᠭᠤᠯᠤᠯᠳᠠ ᠶᠢ ᠳᠦᠷᠬᠡᠳᠬᠡᠨ ᠬᠡᠷᠡᠭᠵᠢᠬᠦᠯᠦᠨ᠎ᠡ᠃ | ᠰᠢᠨ᠎ᠡ ᠪᠠᠷ ᠨᠡᠮᠡᠭᠳᠡᠭᠰᠡᠨ ᠡᠳ᠋ ᠤᠨ ᠬᠦᠴᠦᠨ ᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ | ᠠᠵᠢᠯ ᠦᠢᠯᠡᠰ ᠲᠤ ᠨᠡᠩ ᠶᠡᠭᠡ ᠵᠠᠷᠤᠴᠠᠭᠤᠯᠤᠨ᠂ ᠦᠷᠬᠡᠨ ᠤᠯᠠᠨ ᠠᠷᠠᠳ ᠳᠦᠮᠡᠨ ᠰᠤᠷᠤᠯᠴᠠᠬᠤ ᠳᠤ ᠰᠤᠷᠭᠠᠨ | ᠬᠦᠮᠦᠵᠢᠯ ᠲᠠᠢ᠂ ᠬᠦᠳᠡᠯᠮᠦᠷᠢᠯᠡᠪᠡᠯ ᠬᠦᠯᠦᠰᠦ ᠤᠯᠭᠤᠮᠵᠢ ᠲᠠᠢ᠂ ᠡᠪᠡᠳᠴᠢᠯᠡᠪᠡᠯ ᠡᠮᠨᠡᠬᠦᠯᠬᠦ ᠭᠠᠵᠠᠷ ᠲᠠᠢ᠂ | ᠬᠦᠭᠰᠢᠷᠡᠪᠡᠯ ᠬᠦᠷᠳᠡᠬᠦ ᠠᠰᠠᠷᠠᠮᠵᠢ ᠲᠠᠢ᠂ ᠰᠠᠭᠤᠬᠤ ᠳᠤ ᠰᠠᠭᠤᠷᠢᠰᠢᠯ ᠲᠠᠢ ᠪᠠᠶᠢᠬᠤ ᠶᠢ ᠴᠢᠷᠮᠠᠶᠢᠨ ᠪᠡᠶᠡᠯᠡᠬᠦᠯᠦᠨ᠎ᠡ᠃ | ᠰᠢᠨᠵᠢᠯᠡᠭᠡ ᠮᠡᠷᠬᠡᠵᠢᠯ ᠤᠨ ᠰᠢᠨᠡᠴᠢᠯᠡᠯᠳᠡ ᠪᠠ ᠮᠡᠳᠡᠯᠬᠡ ᠶᠢᠨ ᠪᠦᠳᠦᠬᠡᠭᠳᠡᠬᠦᠨ ᠤ ᠡᠷᠬᠡ ᠶᠢᠨ ᠬᠠᠮᠠᠭᠠᠯᠠᠯᠳᠠ ᠶᠢ | ᠴᠢᠩᠭᠠᠳᠬᠠᠨ᠎ᠠ᠃ ᠰᠢᠨ᠎ᠡ ᠮᠡᠷᠬᠡᠵᠢᠯ᠂ ᠰᠢᠨ᠎ᠡ ᠪᠦᠳᠦᠬᠡᠭᠳᠡᠬᠦᠨ᠂ ᠰᠢᠨ᠎ᠡ ᠭᠠᠷ ᠤᠷᠠᠯᠠᠯ ᠰᠤᠳᠤᠯᠤᠨ ᠪᠦᠳᠦᠬᠡᠵᠤ | ᠠᠰᠢᠭᠯᠠᠬᠤ ᠶᠢ ᠳᠦᠷᠬᠡᠳᠬᠡᠵᠤ᠂ ᠰᠢᠨᠵᠢᠯᠡᠭᠡ ᠮᠡᠷᠬᠡᠵᠢᠯ ᠤᠨ ᠦᠷ᠎ᠡ ᠪᠦᠳᠦᠬᠡᠯ ᠢ ᠬᠤᠪᠢᠷᠠᠭᠤᠯᠬᠤ ᠳᠦᠪᠰᠢᠨ ᠢ | ᠳᠡᠬᠡᠭᠰᠢᠯᠡᠬᠦᠯᠦᠨ᠎ᠡ᠃ ᠰᠤᠷᠭᠠᠨ ᠬᠦᠮᠦᠵᠢᠯ ᠢ ᠳᠡᠷᠢᠬᠦᠨ ᠪᠠᠶᠢᠷᠢᠨ ᠳᠤ ᠪᠠᠶᠢᠯᠭᠠᠬᠤ ᠶᠢ ᠪᠠᠷᠢᠮᠳᠠᠯᠠᠵᠤ᠂ ᠰᠤᠷᠭᠠᠨ | ᠬᠦᠮᠦᠵᠢᠯ ᠤᠨ ᠡᠷᠬᠡ ᠳᠡᠭᠰᠢ ᠶᠢ ᠠᠬᠢᠭᠤᠯᠤᠨ᠂ ᠰᠤᠷᠭᠠᠭᠤᠯᠢ ᠶᠢᠨ ᠬᠠᠮᠢᠶᠠᠷᠤᠯᠳᠠ ᠪᠠ ᠪᠠᠭᠰᠢ ᠶᠢᠨ ᠡᠩᠨᠡᠬᠡᠨ | ᠤ ᠪᠠᠶᠢᠭᠤᠯᠤᠯᠳᠠ ᠶᠢ ᠴᠢᠩᠭᠠᠳᠬᠠᠵᠤ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ ᠪᠦᠬᠦ | ᠳᠠᠯ᠎ᠠ ᠪᠠᠷ ᠳᠡᠬᠡᠭᠰᠢᠯᠡᠬᠦᠯᠦᠨ᠂ ᠡᠯ᠎ᠡ ᠳᠦᠷᠦᠯ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢ | ᠳᠦᠯᠬᠢᠨ ᠠᠬᠢᠭᠤᠯᠤᠨ᠎ᠠ᠃ ᠠᠵᠢᠯ ᠤᠯᠭᠤᠯᠳᠠ ᠶᠢᠨ ᠳᠦᠷᠦ ᠶᠢᠨ ᠪᠤᠳᠤᠯᠭ᠎ᠠ ᠶᠢ ᠳᠡᠬᠦᠯᠳᠡᠷᠵᠢᠬᠦᠯᠦᠨ | ᠨᠠᠶᠢᠳᠠᠪᠤᠷᠢᠵᠢᠭᠤᠯᠵᠤ᠂ ᠳᠡᠬᠡᠳᠤ ᠰᠤᠷᠭᠠᠭᠤᠯᠢ ᠠᠴᠠ ᠳᠡᠬᠦᠰᠦᠭᠰᠡᠳ ᠳᠤᠮᠳᠠ ᠪᠠᠭ᠎ᠠ ᠠᠵᠤ ᠠᠬᠤᠶᠢᠯᠠᠯ᠂ ᠬᠤᠳᠠ | ᠬᠦᠳᠡᠭᠡ ᠶᠢᠨ ᠦᠨᠳᠦᠰᠦᠨ ᠱᠠᠳᠤᠨ ᠳᠤ ᠠᠵᠢᠯᠯᠠᠬᠤ ᠪᠤᠶᠤ ᠠᠳᠠᠯ ᠪᠤᠰᠬᠠᠬᠤ ᠶᠢ ᠵᠤᠷᠢᠭᠵᠢᠭᠤᠯᠤᠨ᠂ ᠠᠵᠢᠯ | ᠤᠯᠬᠤ ᠳᠤ ᠬᠦᠴᠢᠷᠳᠡᠢ ᠬᠦᠮᠦᠰ ᠪᠠ ᠠᠵᠢᠯ ᠲᠠᠢ ᠬᠦᠮᠦᠨ ᠦᠬᠡᠢ ᠬᠡᠷ ᠪᠦᠯᠢ ᠶᠢᠨ ᠠᠵᠢᠯ ᠤᠯᠭᠤᠯᠳᠠ ᠶᠢ | ᠳᠡᠮᠵᠢᠬᠦ ᠪᠠᠨ ᠴᠢᠩᠭᠠᠳᠬᠠᠨ᠎ᠠ᠃ 2017 ᠤᠨ ᠪᠤᠯᠬᠤ ᠳᠤ᠂ ᠰᠢᠨ᠎ᠡ ᠪᠠᠷ ᠨᠡᠮᠡᠭᠳᠡᠭᠰᠡᠨ ᠬᠤᠳᠠ ᠪᠠᠯᠭᠠᠰᠤᠨ ᠤ | ᠠᠵᠢᠯ ᠤᠯᠤᠭᠰᠠᠳ ᠤᠨ ᠳᠤᠭ᠎ᠠ ᠶᠢ 4000 ᠳᠤ ᠬᠦᠷᠬᠡᠨ᠎ᠡ᠃ ᠤᠷᠤᠯᠭ᠎ᠠ ᠶᠢ ᠳᠠᠬᠢᠨ ᠢᠶᠠᠷ ᠨᠡᠮᠡᠭᠳᠡᠬᠦᠯᠬᠦ | ᠳᠦᠯᠦᠪᠯᠡᠭᠡ ᠶᠢ ᠬᠡᠷᠡᠭᠵᠢᠬᠦᠯᠵᠤ᠂ ᠠᠵᠢᠯ ᠤᠯᠭᠤᠯᠳᠠ ᠶᠢ ᠦᠷᠬᠡᠳᠬᠡᠨ ᠴᠠᠯᠢᠩ ᠤᠨ ᠴᠢᠨᠠᠷᠳᠠᠢ ᠤᠷᠤᠯᠭ᠎ᠠ ᠶᠢ | ᠨᠡᠮᠡᠭᠳᠡᠬᠦᠯᠵᠤ᠂ ᠠᠳᠠᠯ ᠪᠤᠰᠬᠠᠬᠤ ᠶᠢ ᠵᠤᠷᠢᠭᠵᠢᠭᠤᠯᠤᠨ ᠡᠵᠡᠩᠨᠡᠯᠳᠡ ᠶᠢᠨ ᠴᠢᠨᠠᠷᠳᠠᠢ ᠤᠷᠤᠯᠭ᠎ᠠ ᠶᠢ | ᠨᠡᠮᠡᠭᠳᠡᠬᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠠᠮᠳᠤᠪᠠᠷ ᠴᠢᠨᠠᠬᠡᠯᠢᠭᠵᠢᠬᠦ ᠶᠢ ᠠᠬᠢᠭᠤᠯᠤᠨ᠎ᠠ᠃ | ᠳᠤᠤᠷ᠎ᠠ ᠤᠷᠤᠯᠭ᠎ᠠ ᠲᠠᠢ ᠬᠦᠮᠦᠰ ᠤᠨ ᠠᠮᠢᠳᠤᠷᠠᠯ ᠢ ᠰᠠᠶᠢᠵᠢᠷᠠᠭᠤᠯᠵᠤ᠂ ᠬᠤᠳᠠ ᠬᠦᠳᠡᠭᠡ ᠶᠢᠨ ᠬᠠᠮᠤᠭ ᠳᠤᠤᠷ᠎ᠠ | ᠠᠮᠢᠳᠤᠷᠠᠯ ᠤᠨ ᠪᠠᠳᠤᠯᠠᠭᠠᠨ ᠤ ᠪᠠᠷᠢᠮᠵᠢᠶ᠎ᠠ ᠶᠢ ᠳᠡᠬᠡᠭᠰᠢᠯᠡᠬᠦᠯᠦᠨ᠎ᠡ᠃ ᠬᠤᠳᠠ ᠬᠦᠳᠡᠭᠡ ᠶᠢᠨ ᠰᠠᠭᠤᠭᠠᠯᠢ ᠠᠷᠠᠳ | ᠤᠨ ᠨᠠᠰᠤᠵᠢᠯ ᠤᠨ ᠳᠠᠭᠠᠳᠬᠠᠯ᠂ ᠡᠮᠨᠡᠯᠬᠡ ᠶᠢᠨ ᠳᠠᠭᠠᠳᠬᠠᠯ ᠤᠨ ᠬᠠᠮᠤᠷᠬᠤ ᠬᠡᠪᠴᠢᠶ᠎ᠠ ᠶᠢ ᠦᠷᠬᠡᠳᠬᠡᠵᠤ᠂ ᠪᠦᠬᠦ | ᠳᠠᠯ᠎ᠠ ᠶᠢᠨ᠂ ᠤᠯᠠᠨ ᠳᠠᠪᠬᠤᠷᠭ᠎ᠠ ᠲᠠᠢ ᠨᠡᠶᠢᠬᠡᠮ ᠤᠨ ᠪᠠᠳᠤᠯᠠᠭᠠᠨ ᠤ ᠳᠤᠭᠳᠠᠯᠴᠠᠭ᠎ᠠ ᠶᠢ ᠪᠠᠶᠢᠭᠤᠯᠤᠨ᠎ᠠ᠃ ᠰᠢᠨ᠎ᠡ | ᠨᠢᠬᠡ ᠡᠬᠡᠯᠵᠢ ᠶᠢᠨ ᠶᠠᠳᠠᠭᠤ ᠶᠢ ᠳᠡᠳᠬᠦᠵᠤ ᠨᠡᠬᠡᠬᠡᠨ ᠬᠦᠭᠵᠢᠬᠦᠯᠬᠦ ᠳᠦᠯᠦᠪᠯᠡᠭᠡ ᠶᠢ ᠬᠦᠨᠵᠡᠬᠡᠶᠢᠷᠡᠬᠦᠯᠦᠨ | ᠬᠡᠷᠡᠭᠵᠢᠬᠦᠯᠵᠤ᠂ ᠭᠠᠵᠠᠷ ᠤᠷᠤᠨ ᠲᠠᠢ ᠨᠢ ᠵᠤᠬᠢᠴᠠᠭᠤᠯᠤᠨ ᠤᠨᠴᠠᠯᠢᠭᠳᠤ ᠠᠵᠤ ᠦᠢᠯᠡᠰ ᠢ ᠪᠤᠶᠢᠵᠢᠭᠤᠯᠵᠤ᠂ | ᠳᠦᠷᠦᠯ ᠵᠦᠢᠯ ᠤᠨ ᠭᠠᠴᠠᠭ᠎ᠠ ᠶᠢ ᠪᠦᠬᠦᠯᠢ ᠴᠤᠭᠴᠠ ᠪᠠᠷ ᠨᠢ ᠶᠠᠳᠠᠭᠤ ᠠᠴᠠ ᠠᠩᠬᠢᠵᠢᠷᠠᠭᠤᠯᠬᠤ ᠬᠠᠷᠠᠯᠳᠠ ᠶᠢ | ᠪᠡᠶᠡᠯᠡᠬᠦᠯᠦᠨ᠎ᠡ᠃ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢ | ᠳᠦᠷᠬᠡᠳᠬᠡᠵᠤ᠂ ᠨᠡᠩ ᠤᠯᠠᠨ ᠶᠠᠳᠠᠭᠤ ᠬᠦᠴᠢᠷᠳᠡᠯᠳᠡᠢ ᠬᠡᠷ ᠪᠦᠯᠢ ᠶᠢ ᠰᠠᠭᠤᠬᠤ ᠬᠡᠷ ᠲᠠᠢ ᠪᠤᠯᠭᠠᠨ᠎ᠠ᠃ ᠡᠮ | ᠡᠮᠨᠡᠯᠬᠡ ᠡᠷᠡᠬᠦᠯ ᠬᠠᠮᠠᠭᠠᠯᠠᠯ ᠤᠨ ᠪᠠᠶᠢᠭᠤᠯᠤᠯ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ | ᠡᠮᠨᠡᠯᠬᠡ ᠶᠢᠨ ᠪᠠᠳᠤᠯᠠᠭ᠎ᠠ᠂ ᠡᠮᠨᠡᠯᠬᠡ ᠶᠢᠨ ᠦᠢᠯᠡᠴᠢᠯᠡᠭᠡ᠂ ᠨᠡᠶᠢᠳᠡ ᠶᠢᠨ ᠡᠷᠡᠬᠦᠯ ᠬᠠᠮᠠᠭᠠᠯᠠᠯ᠂ ᠡᠮ ᠤᠨ ᠵᠦᠢᠯ | ᠤᠨ ᠬᠠᠩᠭᠠᠯᠳᠠ᠂ ᠬᠢᠨᠠᠨ ᠱᠠᠭᠠᠷᠳᠠᠬᠤ ᠬᠠᠮᠢᠶᠠᠷᠤᠯᠳᠠ ᠶᠢᠨ ᠪᠠᠶᠢᠭᠤᠯᠤᠯ ᠤᠨ ᠦᠬᠡᠷᠡᠴᠢᠯᠡᠯᠳᠡ ᠶᠢ ᠭᠤᠤᠯᠳᠠᠯᠭ᠎ᠠ | ᠲᠠᠢ ᠳᠦᠯᠬᠢᠨ ᠠᠬᠢᠭᠤᠯᠵᠤ᠂ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠭᠤᠷᠪᠠᠨ ᠳᠡᠰ ᠤᠨ ᠳᠤᠤᠷ | ᠰᠦᠯᠵᠢᠶᠡᠨ ᠤ ᠰᠢᠰᠲ᠋ᠧᠮ ᠢ ᠳᠡᠬᠦᠯᠳᠡᠷᠵᠢᠬᠦᠯᠦᠨ᠂ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠤ ᠬᠢᠷᠢ ᠳᠦᠪᠰᠢᠨ | ᠢ ᠳᠡᠬᠡᠭᠰᠢᠯᠡᠬᠦᠯᠦᠨ᠎ᠡ᠃ ᠨᠠᠰᠤᠵᠢᠯ ᠤᠨ ᠦᠢᠯᠡᠴᠢᠯᠡᠬᠡᠨ ᠤ ᠳᠤᠤᠷ ᠰᠦᠯᠵᠢᠶ᠎ᠡ ᠶᠢ ᠳᠡᠬᠦᠯᠳᠡᠷᠵᠢᠬᠦᠯᠵᠤ᠂ ᠵᠡᠬᠡᠯᠢ | ᠭᠤᠳᠤᠮᠵᠢ ᠨᠡᠶᠢᠬᠡᠮ ᠳᠤᠭᠤᠷᠢᠭ ᠤᠨ ᠨᠠᠰᠤᠳᠠᠶᠢᠴᠤᠳ ᠢ ᠡᠳᠦᠷ ᠲᠤᠨᠢ ᠠᠰᠠᠷᠠᠬᠤ ᠳᠦᠪ ᠤᠨ ᠨᠡᠶᠢᠳᠡᠮ | ᠬᠠᠮᠤᠷᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠰᠢᠰᠲ᠋ᠧᠮ | ᠤᠨ ᠪᠠᠶᠢᠭᠤᠯᠤᠯᠳᠠ ᠶᠢ ᠴᠢᠩᠭᠠᠳᠬᠠᠨ᠂ ᠪᠤᠯᠪᠠᠰᠤᠨ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠳᠠᠭᠠᠭᠠᠮᠠᠭᠠᠢ | ᠳᠤᠭᠳᠠᠴᠠ ᠶᠢ ᠳᠡᠬᠦᠯᠳᠡᠷᠵᠢᠬᠦᠯᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠤᠰᠤ ᠰᠤᠷᠳᠠᠬᠤᠨ | ᠤ ᠪᠠᠶᠢᠭᠤᠯᠤᠯᠳᠠ ᠶᠢ ᠠᠬᠢᠭᠤᠯᠵᠤ᠂ ᠠᠷᠠᠳ ᠢᠷᠬᠡᠳ ᠤᠨ ᠦᠵᠡᠯ ᠰᠠᠨᠠᠭ᠎ᠠ ᠶᠤᠰᠤ ᠰᠤᠷᠳᠠᠬᠤᠨ ᠪᠠ ᠰᠢᠨᠵᠢᠯᠡᠬᠦ | ᠤᠬᠠᠭᠠᠨ ᠰᠤᠶᠤᠯ ᠤᠨ ᠪᠤᠯᠪᠠᠰᠤᠷᠠᠯ ᠢ ᠳᠡᠬᠡᠭᠰᠢᠯᠡᠬᠦᠯᠦᠨ᠎ᠡ᠃ ᠰᠤᠶᠤᠯ ᠤᠨ ᠤᠷᠳᠤᠨ᠂ ᠨᠤᠮ ᠤᠨ ᠰᠠᠩ ᠵᠡᠷᠬᠡ | ᠨᠡᠶᠢᠳᠡ ᠶᠢᠨ ᠰᠤᠶᠤᠯ ᠤᠨ ᠦᠢᠯᠡᠴᠢᠯᠡᠬᠡᠨ ᠤ ᠳᠠᠯᠠᠪᠤᠷ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠰᠤᠶᠤᠯ ᠤᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠠᠯᠠᠱᠠ ᠶᠢᠨ ᠤᠨᠴᠠᠯᠢᠭ ᠢ ᠢᠯᠡᠷᠡᠬᠦᠯᠦᠭᠰᠡᠨ ᠨᠡᠩ ᠤᠯᠠᠨ ᠦᠨᠳᠦᠰᠦᠳᠡᠨ ᠤ ᠰᠤᠶᠤᠯ ᠤᠨ | ᠰᠤᠳᠤᠨ ᠪᠦᠳᠦᠬᠡᠯ ᠢ ᠡᠬᠦᠳᠦᠨ ᠪᠦᠳᠦᠬᠡᠬᠦ ᠶᠢ ᠵᠤᠷᠢᠭᠵᠢᠭᠤᠯᠵᠤ᠂ ᠦᠨᠳᠦᠰᠦᠳᠡᠨ ᠤ ᠭᠠᠵᠠᠷ ᠤᠷᠤᠨ ᠤ | ᠤᠨᠴᠠᠯᠢᠭ ᠲᠠᠢ ᠰᠤᠶᠤᠯ ᠤᠨ ᠨᠡᠷᠡᠳᠤ ᠳᠡᠮᠳᠡᠭ ᠢ ᠡᠬᠦᠳᠴᠤ᠂ ᠰᠤᠶᠤᠯ ᠤᠨ ᠶᠡᠭᠡ ᠬᠦᠭᠵᠢᠯᠳᠡ ᠶᠡᠭᠡ | ᠴᠡᠴᠡᠭᠯᠡᠯᠳᠡ ᠶᠢ ᠠᠬᠢᠭᠤᠯᠤᠨ᠎ᠠ᠃ ᠬᠦᠮᠦᠨ ᠠᠮᠠ ᠪᠠ ᠳᠦᠯᠦᠪᠯᠡᠬᠡᠳᠤ ᠬᠦᠩᠬᠡᠵᠢᠯ ᠤᠨ ᠠᠵᠢᠯ ᠢ ᠴᠢᠩᠭᠠᠳᠬᠠᠨ᠂ | ᠳᠦᠷᠦᠬᠦ ᠬᠡᠦᠬᠡᠳ ᠤᠨ ᠡᠷᠡᠬᠦᠯ ᠴᠢᠨᠠᠷ ᠢ ᠳᠡᠬᠡᠭᠰᠢᠯᠡᠬᠦᠯᠤᠨ᠂ ᠳᠤᠤᠷ᠎ᠠ ᠳᠦᠷᠦᠯᠳᠡ ᠶᠢᠨ ᠳᠦᠪᠰᠢᠨ ᠢ | ᠳᠤᠭᠳᠠᠪᠤᠷᠢᠵᠢᠭᠤᠯᠤᠨ᠎ᠠ᠃ ᠨᠡᠶᠢᠬᠡᠮ ᠤᠨ ᠬᠠᠮᠢᠶᠠᠷᠤᠯᠳᠠ ᠶᠢᠨ ᠰᠢᠨᠡᠴᠢᠯᠡᠯᠳᠡ ᠶᠢ ᠴᠢᠩᠭᠠᠳᠬᠠᠵᠤ᠂ ᠨᠡᠶᠢᠬᠡᠮ | ᠳᠤᠭᠤᠷᠢᠭ ᠤᠨ ᠰᠠᠷᠠᠯᠵᠢᠨ ᠳᠤᠤᠷ ᠤᠨ ᠬᠡᠯᠪᠡᠷᠢᠳᠤ ᠬᠠᠮᠢᠶᠠᠷᠤᠯᠳᠠ ᠶᠢ ᠬᠡᠷᠡᠭᠵᠢᠬᠦᠯᠵᠤ᠂ ᠨᠡᠶᠢᠬᠡᠮ ᠳᠤᠭᠤᠷᠢᠭ | ᠤᠨ ᠦᠢᠯᠡᠴᠢᠯᠡᠬᠡᠨ ᠤ ᠴᠢᠳᠠᠪᠬᠢ ᠶᠢ ᠳᠡᠬᠡᠭᠰᠢᠯᠡᠬᠦᠯᠦᠨ᠎ᠡ᠃ ᠵᠠᠬᠢᠳᠠᠯ ᠰᠤᠷᠪᠦᠯᠵᠢᠯᠠᠭ᠎ᠠ ᠪᠤᠯᠤᠨ ᠳᠤᠭᠳᠠᠭᠤᠨ ᠢ | ᠪᠠᠳᠤᠯᠠᠬᠤ ᠠᠵᠢᠯ ᠢ ᠭᠤᠤᠯᠳᠠᠯᠭ᠎ᠠ ᠲᠠᠢ ᠠᠳᠬᠤᠵᠤ᠂ ᠨᠡᠶᠢᠬᠡᠮ ᠤᠨ ᠠᠮᠤᠷ ᠳᠦᠪᠰᠢᠨ ᠢ ᠰᠡᠷᠬᠡᠶᠢᠯᠡᠨ ᠡᠵᠡᠮᠰᠢᠬᠦ | ᠰᠢᠰᠲ᠋ᠧᠮ ᠢ ᠳᠡᠬᠦᠯᠳᠡᠷᠵᠢᠬᠦᠯᠵᠤ᠂ ᠬᠡᠨᠡᠳᠳᠡ ᠶᠢᠨ ᠨᠡᠶᠢᠳᠡ ᠶᠢᠨ ᠬᠡᠷᠡᠭ ᠢ ᠰᠡᠷᠬᠡᠶᠢᠯᠡᠬᠦ ᠪᠠ ᠠᠷᠭᠠᠴᠠᠭᠠᠬᠤ | ᠴᠢᠳᠠᠪᠤᠷᠢ ᠪᠠᠨ ᠳᠡᠬᠡᠭᠰᠢᠯᠡᠬᠦᠯᠦᠨ᠎ᠡ᠃ ᠴᠢᠨᠠᠷ ᠴᠢᠨᠰᠠᠭᠠᠨ ᠤ ᠬᠢᠨᠠᠨ ᠬᠠᠮᠢᠶᠠᠷᠤᠯᠳᠠ᠂ ᠠᠶᠤᠯᠬᠦᠢ ᠦᠢᠯᠡᠳᠪᠦᠷᠢᠯᠡᠯ᠂ | ᠢᠳᠡᠬᠡᠨ ᠤᠮᠳᠠᠭᠠᠨ ᠪᠠ ᠡᠮ ᠤᠨ ᠵᠦᠢᠯᠡᠰ ᠤᠨ ᠠᠮᠤᠷ ᠳᠦᠪᠰᠢᠨ ᠤ ᠠᠵᠢᠯ ᠢ ᠴᠢᠩᠭ᠎ᠠ ᠠᠳᠬᠤᠵᠤ᠂ ᠪᠦᠬᠦ | ᠬᠤᠰᠢᠭᠤᠨ ᠤ ᠠᠷᠠᠳ ᠳᠦᠮᠡᠨ ᠤ ᠵᠤᠯ ᠵᠢᠷᠭᠠᠯ ᠤᠨ ᠬᠡᠮᠵᠢᠶ᠎ᠡ ᠶᠢ ᠳᠠᠰᠤᠷᠠᠯᠳᠠ ᠦᠬᠡᠢ ᠳᠡᠬᠡᠭᠰᠢᠯᠡᠬᠦᠯᠦᠨ᠎ᠡ᠃ | ᠭᠤᠷᠪᠠ᠂ 2013 ᠤᠨ ᠤ ᠭᠤᠤᠯ ᠠᠵᠢᠯ ᠤᠨ ᠪᠠᠶᠢᠷᠢᠯᠠᠭᠤᠯᠤᠯᠳᠠ | 2013 ᠤᠨ ᠪᠤᠯ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ | ᠳᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ᠮᠦᠨᠴᠤ ᠰᠢᠨ᠎ᠡ ᠨᠢᠬᠡ ᠬᠤᠭᠤᠴᠠᠭᠠᠨ ᠤ ᠵᠠᠰᠠᠭ ᠤᠨ | ᠤᠷᠳᠤᠨ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠬᠡᠬᠡᠬᠦ ᠠᠩᠬᠠᠨ ᠤ ᠵᠢᠯ ᠪᠤᠯᠬᠤᠷ᠂ ᠪᠦᠳᠦᠨ ᠵᠢᠯ | ᠤᠨ ᠠᠵᠢᠯ ᠢᠶᠠᠨ ᠰᠠᠶᠢᠳᠤᠷ ᠬᠢᠬᠦ ᠨᠢ ᠮᠠᠰᠢ ᠴᠢᠬᠤᠯᠠ ᠠᠴᠢ ᠬᠤᠯᠪᠤᠭᠳᠠᠯ ᠲᠠᠢ ᠶᠤᠮ᠃ ᠪᠢᠳᠡ ᠠᠶᠢᠮᠠᠭ ᠤᠨ | ᠨᠠᠮ ᠤᠨ ᠬᠤᠷᠢᠶ᠎ᠠ ᠶᠢᠨ ︵ᠦᠷᠭᠡᠳᠬᠡᠭᠰᠡᠨ︶ ᠬᠤᠷᠠᠯ᠂ ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ | ᠬᠤᠶᠠᠳᠤᠭᠠᠷ ᠬᠤᠭᠤᠴᠠᠭᠠᠨ ᠤ ᠭᠤᠷᠪᠠᠳᠤᠭᠠᠷ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ ᠭᠤᠤᠯ ᠰᠡᠳᠦᠪ ᠪᠠ ᠠᠵᠤ ᠠᠬᠤᠢ ᠶᠢᠨ | ᠬᠦᠭᠵᠢᠯᠳᠡ ᠶᠢᠨ ᠠᠷᠭ᠎ᠠ ᠬᠡᠯᠪᠡᠷᠢ ᠶᠢ ᠬᠤᠪᠢᠷᠠᠭᠤᠯᠬᠤ ᠭᠤᠤᠯ ᠱᠤᠭᠤᠮ ᠢ ᠨᠢᠭᠳᠠ ᠲᠤᠭᠤᠷᠢᠨ᠂ ᠳᠤᠭᠳᠠᠭᠤᠨ | ᠢ ᠪᠠᠳᠤᠯᠠᠨ ᠤᠷᠤᠭᠰᠢᠯᠠᠬᠤ ᠪᠠᠷ ᠴᠢᠷᠮᠠᠶᠢᠬᠤ ᠠᠵᠢᠯ ᠤᠨ ᠦᠨᠳᠦᠰᠦᠨ ᠭᠤᠤᠯ ᠰᠠᠨᠠᠭ᠎ᠠ ᠶᠢ ᠳᠤᠪᠤᠶᠢᠯᠭᠠᠵᠤ | ᠠᠳᠬᠤᠨ᠂《ᠳᠠᠪᠤ ᠶᠢ ᠨᠢᠬᠡ ᠴᠤᠭᠴᠠᠵᠢᠭᠤᠯᠬᠤ 》ᠶᠡᠷᠦᠩᠬᠡᠢ ᠪᠠᠶᠢᠷᠢᠰᠢᠭᠤᠯᠤᠯᠳᠠ ᠶᠤᠰᠤᠭᠠᠷ᠂ ᠪᠦᠬᠦ ᠬᠦᠴᠦ | ᠪᠠᠷ ᠪᠦᠳᠦᠴᠡ ᠪᠠᠨ ᠳᠤᠬᠢᠷᠠᠭᠤᠯᠵᠤ᠂ ᠳᠤᠭᠳᠠᠭᠤᠨ ᠢᠶᠠᠷ ᠨᠡᠮᠡᠭᠳᠡᠬᠦᠯᠤᠨ᠂ ᠰᠢᠨ᠎ᠡ ᠶᠢ ᠡᠬᠦᠳᠬᠦ ᠶᠢ ᠠᠳᠬᠤᠵᠤ᠂ | ᠪᠤᠳᠠᠳᠠᠢ ᠪᠦᠳᠦᠮᠵᠢ ᠶᠢ ᠬᠦᠬᠡᠬᠡᠴᠡᠯᠳᠦᠨ᠂ ᠠᠷᠠᠳ ᠤᠨ ᠠᠮᠢᠳᠤᠷᠠᠯ ᠢ ᠬᠠᠷᠠᠭᠠᠯᠵᠠᠵᠤ᠂ ᠡᠶ᠎ᠡ ᠵᠤᠬᠢᠴᠠᠯ ᠢ | ᠠᠬᠢᠭᠤᠯᠤᠨ ᠂ ᠭᠤᠤᠯᠳᠠᠯᠭ᠎ᠠ ᠶᠢ ᠳᠤᠪᠤᠶᠢᠯᠭᠠᠵᠤ᠂ ᠬᠦᠴᠢᠷ ᠠᠰᠠᠭᠤᠳᠠᠯ ᠢ ᠰᠢᠢᠳᠪᠦᠷᠢᠯᠡᠨ᠂ ᠬᠢᠯᠠᠰ ᠴᠡᠭ ᠢ | ᠪᠤᠢ ᠪᠤᠯᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠳᠤᠭᠳᠠᠭᠤᠨ ᠪᠦᠬᠡᠳ ᠨᠡᠯᠢᠶᠡᠳ ᠳᠦᠷᠬᠡᠨ | ᠬᠦᠭᠵᠢᠯᠳᠡ ᠶᠢ ᠴᠢᠷᠮᠠᠶᠢᠨ ᠪᠡᠶᠡᠯᠡᠬᠦᠯᠬᠦ ᠶᠤᠮ᠃ | ᠡᠨᠡ ᠵᠢᠯ ᠤᠨ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠭᠤᠤᠯ ᠵᠢᠱᠢᠭᠰᠡᠨ ᠬᠠᠷᠠᠯᠳᠠ ᠪᠤᠯ᠄ ᠪᠦᠬᠦ | ᠬᠤᠰᠢᠭᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ ᠠᠳᠠᠯᠢ ᠬᠤᠭᠤᠴᠠᠭᠠᠨ ᠤ ᠬᠢ | ᠠᠴᠠ 16% ᠪᠠᠷ ᠨᠡᠮᠡᠭᠳᠡᠬᠦᠯᠵᠤ᠂ ᠪᠦᠬᠦ ᠨᠡᠶᠢᠬᠡᠮ ᠤᠨ ᠳᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ ᠶᠢ | 25% ᠪᠠᠷ ᠨᠡᠮᠡᠭᠳᠡᠬᠦᠯᠦᠨ᠂ ᠤᠷᠤᠨ ᠨᠤᠳᠤᠭ ᠤᠨ ᠡᠳ᠋ ᠤᠨ ᠵᠠᠰᠠᠭ ᠤᠨ ᠤᠷᠤᠯᠭ᠎ᠠ ᠶᠢ 16% ᠪᠠᠷ | ᠨᠡᠮᠡᠭᠳᠡᠬᠦᠯᠵᠤ᠂ ᠨᠡᠶᠢᠬᠡᠮ ᠤᠨ ᠬᠡᠷᠡᠭᠯᠡᠬᠡᠨ ᠤ ᠵᠦᠢᠯ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 15% | ᠪᠠᠷ ᠨᠡᠮᠡᠭᠳᠡᠬᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠤ ᠪᠤᠯᠬᠤ ᠤᠷᠤᠯᠭ᠎ᠠ ᠪᠠ ᠮᠠᠯᠴᠢᠨ | ᠳᠠᠷᠢᠶᠠᠴᠢᠨ ᠤ ᠬᠦᠮᠦᠨ ᠪᠦᠷᠢ ᠳᠤ ᠳᠡᠭᠰᠢᠳᠬᠡᠭᠰᠡᠨ ᠴᠡᠪᠡᠷ ᠤᠷᠤᠯᠭ᠎ᠠ ᠶᠢ ᠳᠤᠰᠪᠤᠷᠢ 13% ᠪᠠ 15% ᠪᠠᠷ | ᠨᠡᠮᠡᠭᠳᠡᠬᠦᠯᠵᠤ᠂ ᠬᠦᠮᠦᠨ ᠠᠮᠠ ᠶᠢᠨ ᠠᠶᠠᠨᠳᠠᠭᠠᠨ ᠦᠰᠬᠦ ᠨᠤᠷᠮ᠎ᠠ ᠶᠢ 6‰ ᠳᠤᠳᠤᠷ᠎ᠠ ᠬᠢᠵᠠᠭᠠᠷᠯᠠᠵᠤ᠂ ᠬᠤᠳᠠ | ᠪᠠᠯᠭᠠᠰᠤᠨ ᠤ ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠠ ᠶᠢ 3.9% ᠳᠤᠳᠤᠷ᠎ᠠ ᠬᠢᠵᠠᠭᠠᠷᠯᠠᠵᠤ᠂ | ᠭᠤᠤᠯ ᠪᠤᠬᠢᠷᠳᠤᠯ ᠡᠳ᠋ ᠤᠨ ᠭᠠᠳᠠᠭᠰᠢᠯᠠᠭᠤᠯᠤᠯᠳᠠ ᠶᠢᠨ ᠶᠡᠷᠦᠩᠬᠡᠢ ᠬᠡᠮᠵᠢᠶ᠎ᠡ ᠶᠢ ᠳᠡᠬᠡᠳᠤ ᠱᠠᠳᠤᠨ ᠠᠴᠠ | ᠱᠠᠭᠠᠷᠳᠠᠭᠰᠠᠨ ᠬᠡᠪᠴᠢᠶᠠᠨ ᠳᠤᠳᠤᠷ᠎ᠠ ᠬᠢᠵᠠᠭᠠᠷᠯᠠᠨ᠎ᠠ᠃ | ᠳᠡᠬᠡᠷᠡᠬᠢ ᠬᠠᠷᠠᠯᠳᠠᠳᠤ ᠡᠬᠦᠷᠬᠡ ᠶᠢ ᠪᠡᠶᠡᠯᠡᠬᠦᠯᠬᠦ ᠶᠢᠨ ᠳᠤᠰᠠᠳᠠ᠂ ᠡᠨᠡ ᠵᠢᠯ ᠳᠤᠤᠷᠠᠬᠢ ᠨᠠᠢᠮᠠᠨ ᠳᠠᠯ᠎ᠠ ᠶᠢᠨ | ᠠᠵᠢᠯ ᠢ ᠪᠦᠬᠦ ᠬᠦᠴᠦᠨ ᠢᠶᠠᠷ ᠠᠳᠬᠤᠨ᠎ᠠ᠄ | ︵ᠨᠢᠬᠡ︶ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠳᠤᠪᠤᠶᠢᠯᠭᠠᠨ᠂ ᠰᠢᠨ᠎ᠡ ᠬᠡᠯᠪᠡᠷᠢ ᠶᠢᠨ ᠠᠵᠤ | ᠦᠢᠯᠡᠳᠪᠦᠷᠢᠵᠢᠯᠳᠡ ᠶᠢᠨ ᠠᠬᠢᠴᠠ ᠶᠢ ᠳᠦᠷᠬᠡᠳᠬᠡᠨ᠎ᠡ᠃ ᠠᠵᠤ ᠠᠬᠤᠢ ᠶᠢᠨ ᠬᠦᠭᠵᠢᠯᠳᠡ ᠶᠢᠨ ᠬᠡᠯᠪᠡᠷᠢ ᠪᠠᠨ | ᠬᠤᠪᠢᠷᠠᠭᠤᠯᠬᠤ ᠶᠢ ᠳᠦᠷᠬᠡᠳᠬᠡᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠴᠢᠨᠠᠷ ᠴᠢᠨᠰᠠᠭ᠎ᠠ ᠪᠠ ᠦᠷ᠎ᠡ | ᠠᠰᠢᠭ ᠬᠠᠮᠳᠤᠪᠠᠷ ᠳᠡᠬᠡᠭᠰᠢᠯᠡᠬᠦ ᠶᠢ ᠳᠦᠯᠬᠢᠨ ᠠᠬᠢᠭᠤᠯᠤᠨ᠎ᠠ᠃ ᠳᠡᠭᠷᠢ ᠶᠢᠨ ᠠᠵᠤ ᠦᠢᠯᠡᠳᠪᠦᠷᠢ ᠶᠢᠨ | ᠳᠤᠭᠤᠷᠢᠭ ᠤᠨ ᠪᠤᠳᠠᠰ ᠤᠨ ᠬᠦᠢᠯᠬᠡᠬᠡ᠂ ᠮᠦᠩᠬᠦᠨ ᠬᠦᠢᠯᠬᠡᠬᠡ᠂ ᠠᠮᠢᠳᠤᠷᠠᠯ ᠤᠨ ᠳᠤᠭᠤᠷᠢᠭ ᠵᠡᠷᠬᠡ ᠢᠵᠢ | ᠪᠦᠷᠢᠨ ᠳᠦᠬᠦᠬᠡᠷᠦᠮᠵᠢ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠳᠦᠪᠯᠡᠷᠡᠬᠦᠯᠦᠨ ᠢᠯᠴᠢ ︵ᠬᠡᠢ︶ | ᠬᠠᠩᠭᠠᠬᠤ ᠢᠨᠵᠧᠨᠧᠷᠢᠩ ᠢ ᠪᠦᠬᠦ ᠳᠠᠯ᠎ᠠ ᠪᠠᠷ ᠳᠠᠭᠤᠰᠬᠠᠵᠤ᠂ ᠪᠤᠬᠢᠷ ᠤᠰᠤ ᠢ ᠰᠢᠢᠳᠪᠦᠷᠢᠯᠡᠬᠦ ᠦᠢᠯᠡᠳᠪᠦᠷᠢ ᠪᠠ | ᠬᠠᠳᠠᠭᠤ ᠬᠠᠶᠠᠭᠳᠠᠮᠠᠯ ᠪᠤᠳᠠᠰ ᠢ ᠰᠢᠢᠳᠪᠦᠷᠢᠯᠡᠬᠦ ᠳᠦᠬᠦᠬᠡᠷᠦᠮᠵᠢ ᠶᠢ ᠡᠬᠢᠯᠡᠵᠤ ᠬᠡᠷᠡᠭᠯᠡᠨ᠂ ᠰᠠᠶᠢᠷ ᠴᠤᠨᠵᠢ ᠶᠢᠨ | ᠠᠵᠤ ᠦᠢᠯᠡᠳᠪᠦᠷᠢ ᠶᠢᠨ ᠳᠤᠭᠤᠷᠢᠭ ᠲᠠᠢ ᠨᠢᠬᠡ ᠴᠤᠭᠴᠠᠵᠢᠨ ᠬᠦᠭᠵᠢᠬᠦ ᠶᠢ ᠢᠳᠡᠪᠬᠢᠳᠡᠢ ᠳᠦᠷᠬᠡᠳᠬᠡᠨ | ᠠᠬᠢᠭᠤᠯᠵᠤ᠂ ᠦᠪᠡᠷᠳᠡᠬᠡᠨ ᠵᠠᠰᠠᠬᠤ ᠤᠷᠤᠨ ᠤ ᠬᠠᠳᠤᠨ ᠭᠤᠤᠯ ᠳᠠᠭᠠᠤ ᠵᠠᠮ ᠳᠠᠭᠠᠤ ᠭᠤᠤᠯᠳᠠᠯᠭ᠎ᠠ ᠲᠠᠢ ᠠᠵᠤ | ᠦᠢᠯᠡᠳᠪᠦᠷᠢ ᠶᠢᠨ ᠳᠤᠭᠤᠷᠢᠭ ᠪᠤᠯᠤᠨ ᠳᠡᠰ ᠳᠡᠪᠰᠢᠬᠦ ᠪᠠᠷ ᠴᠢᠷᠮᠠᠶᠢᠨ᠎ᠠ᠃ ᠤᠯᠠᠨᠪᠤᠯᠠᠭ ᠤᠨ ᠠᠵᠤ ᠦᠢᠯᠡᠰ ᠤᠨ | ᠳᠤᠭᠤᠷᠢᠭ᠂ ᠪᠠᠶᠠᠨᠬᠤᠳᠠ ᠶᠢᠨ ᠤᠷᠴᠢᠨ ᠠᠬᠤᠢ ᠶᠢ ᠬᠠᠮᠠᠭᠠᠯᠠᠬᠤ ᠠᠵᠤ ᠦᠢᠯᠡᠳᠪᠦᠷᠢ ᠶᠢᠨ ᠳᠤᠭᠤᠷᠢᠭ᠂ | ᠪᠠᠶᠠᠨᠨᠢᠷᠤᠭᠤᠨ ᠤ ᠪᠤᠷᠵᠢᠨ ᠴᠢᠯᠠᠭᠤᠯᠢᠭ ᠤᠨ ᠠᠭᠤᠷᠬᠠᠢ ᠶᠢᠨ ᠤᠷᠤᠨ ᠤ ᠤᠰᠤ᠂ ᠴᠠᠬᠢᠯᠭᠠᠨ᠂ ᠵᠠᠮ᠂ ᠴᠢᠮᠡᠭᠡ | ᠨᠡᠪᠳᠡᠷᠡᠯᠬᠡ ᠵᠡᠷᠬᠡ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠵᠤ᠂ | ᠤᠷᠤᠨ ᠳᠤᠭᠤᠷᠢᠭ ᠤᠨ ᠠᠵᠤ ᠦᠢᠯᠡᠰ ᠢ ᠠᠴᠢᠶᠠᠯᠠᠬᠤ ᠪᠠ ᠬᠦᠭᠵᠢᠯᠳᠡ ᠶᠢ ᠲᠦᠯᠬᠢᠨ ᠤᠷᠤᠭᠰᠢᠯᠠᠭᠤᠯᠬᠤ | ᠴᠢᠳᠠᠪᠤᠷᠢ ᠶᠢ ᠴᠢᠷᠮᠠᠶᠢᠨ ᠳᠡᠬᠡᠭᠰᠢᠯᠡᠬᠦᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠠ᠃ | ᠵᠢᠷᠠᠳᠠᠢ ᠶᠢᠨ ᠴᠢᠯᠠᠭᠤᠨ ᠮᠠᠲ᠋ᠧᠷᠢᠶᠠᠯ ᠢ ᠪᠤᠯᠪᠠᠰᠤᠷᠠᠭᠤᠯᠬᠤ ᠳᠤᠭᠤᠷᠢᠭ ᠤᠨ ᠪᠦᠳᠦᠬᠡᠨ ᠪᠠᠶᠢᠭᠤᠯᠤᠯᠳᠠ ᠶᠢ | ᠳᠦᠷᠬᠡᠳᠬᠡᠵᠤ᠂ ᠪᠠᠷᠠᠭᠤᠨ ᠤᠷᠤᠨ ᠤ ᠤᠯᠠᠨ ᠤᠯᠤᠰ ᠤᠨ ᠴᠢᠨᠠᠷᠳᠠᠢ ᠴᠢᠯᠠᠭᠤᠨ ᠮᠠᠲ᠋ᠧᠷᠢᠶᠠᠯ ᠤᠨ ᠴᠢᠬᠤᠯᠠ | ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠴᠢᠩ ᠬᠤᠸᠠ ᠪᠦᠯᠦᠭᠯᠡᠯ ᠤᠨ 200 ᠳᠤᠨ ᠤ | ᠨᠡᠬᠦᠷᠡᠰᠦᠳᠦ᠋ᠷᠦᠭᠴᠢᠳᠤ ᠰᠢᠷᠬᠡᠭᠯᠢᠭ ᠪᠤᠯᠤᠨ 20 ᠳᠦᠮᠡᠨ ᠳᠤᠨ ᠤ ᠠᠽᠢᠯᠠᠮᠢᠲ ᠤᠨ ᠳᠦᠬᠦᠷ ᠨᠡᠬᠦᠷᠡᠰᠤ | ᠬᠡᠦᠷᠡᠰᠢᠵᠢᠬᠦᠯᠬᠦ᠂ ᠶᠢᠨ ᠱᠢ ᠮᠠᠭᠨᠢ ᠶᠢᠨ ᠦᠢᠯᠡᠰ ᠤᠨ 20 ᠳᠦᠮᠡᠨ ᠳᠤᠨ ᠤ ᠴᠢᠨᠠᠷᠯᠢᠭ ᠮᠠᠭᠨᠢ ᠶᠢᠨ | ᠬᠠᠶᠢᠯᠦᠰᠢ᠂ ᠮᠧᠩ ᠨᠧᠩ ᠤᠨ 32 ᠳᠦᠮᠡᠨ ᠳᠤᠨ ᠤ ᠮᠧᠲ᠋ᠠ ᠠᠯᠳᠧᠬᠢᠳ᠋ ᠤᠨ ᠪᠦᠬᠡᠬᠡᠨᠡᠪᠦᠷᠢ᠂ ᠰᠢᠨ ᠹᠧᠩ | ᠷᠦᠩ ᠲᠠᠢ ᠶᠢᠨ 20 ᠳ᠋ᠦᠩᠰᠢᠭᠤᠷ ᠠᠮᠫᠧᠷ ᠴᠠᠭ ᠤᠨ ᠯᠢᠲ᠋ᠢᠳᠤ ᠢᠶᠤᠨ ᠤ ᠳ᠋ᠢᠶᠠᠨ ᠣᠣᠢ ᠶᠢᠨ ᠴᠠᠬᠢᠯᠭᠠᠨ ᠳᠤᠶᠢᠯ | ᠤᠨ ᠬᠠᠯᠢᠰᠤ᠂ ᠳ᠋ᠧ ᠱᠧᠩ ᠤᠨ 400 ᠳᠦᠮᠡᠨ ᠳᠤᠨ ᠤ ᠨᠠᠷᠢᠯᠢᠭ ᠲᠡᠮᠦᠷ ᠤᠨ ᠨᠤᠨᠳᠠᠭ ᠪᠠ 120 ᠳᠦᠮᠡᠨ | ᠳᠤᠨ ᠤ ᠪᠦᠮᠪᠦᠬᠡᠯᠢᠭ᠂ ᠶᠢᠨ ᠲᠦᠩ ᠤᠨ 1.2 ᠳᠦᠮᠡᠨ ᠳᠤᠨ ᠤ ᠪᠦᠬᠡᠬᠡᠨᠡᠷᠡᠯ ᠠᠷᠢᠯᠠᠳ᠋ ᠬᠦᠬᠦᠷᠳᠤ ᠡᠲ᠋ᠧᠷ᠂ | ᠺᠦᠩ ᠲᠢᠶᠡᠨ ᠺᠤᠮᠫᠠᠨᠢ ᠶᠢᠨ ᠤᠭᠳᠠᠷᠭᠤᠢ ᠳᠤ ᠤᠶᠢᠷᠠᠳᠤᠬᠤ ᠨᠢᠰᠦᠬᠦᠷ ᠤᠨ ᠰᠠᠭᠤᠷᠢᠨ ᠭᠠᠵᠠᠷ᠂ ᠱᠤᠸᠠᠩ ᠢ | ᠱᠠᠭᠠᠵᠠᠩ ᠤᠨ ᠬᠦᠷᠢᠶᠡᠯᠡᠩ᠂ ᠵᠢᠷᠠᠳᠠᠢ ᠶᠢᠨ ᠴᠢᠯᠠᠭᠤᠨ ᠮᠠᠲ᠋ᠧᠷᠢᠶᠠᠯ ᠤᠨ ᠳᠤᠭᠤᠷᠢᠭ ᠤᠨ 850 ᠳᠦᠮᠡᠨ | ᠳᠡᠭᠰᠢ ᠳᠦᠷᠪᠡᠯᠵᠢᠨ ᠮᠧᠲᠷ ᠤᠨ ᠪᠤᠷᠵᠢᠨ ᠴᠢᠯᠠᠭᠤᠯᠢᠭ ᠤᠨ ᠬᠠᠪᠳᠠᠰᠤᠨ ᠮᠠᠲ᠋ᠧᠷᠢᠶᠠᠯ ᠪᠤᠯᠪᠠᠰᠤᠷᠠᠭᠤᠯᠬᠤ᠂ ᠶᠢᠩ | ᠬᠠᠢ ᠶᠢᠨ ᠡᠳᠦᠷ ᠤᠨ ᠭᠠᠷᠤᠯᠳᠠ 2500 ᠳᠦᠮᠡᠨ ᠳᠤᠨ ᠤ ᠢᠳᠡᠬᠡᠰᠢᠭᠰᠡᠨ ᠮᠠᠲ᠋ᠧᠷᠢᠶᠠᠯ ᠤᠨ ᠰᠢᠨ᠎ᠡ ᠬᠡᠯᠪᠡᠷᠢ | ᠶᠢᠨ ᠬᠠᠳᠠᠭᠠᠬᠤ ᠠᠷᠭ᠎ᠠ ᠶᠢᠨ ᠱᠦᠢᠨᠢ ᠶᠢᠨ ᠡᠷᠬᠢᠯᠳᠡᠳᠤ ᠠᠵᠤ ᠠᠬᠤᠢ ᠶᠢᠨ ᠶᠡᠷᠦᠩᠬᠡᠢ ᠠᠰᠢᠭᠯᠠᠯᠳᠠ ᠵᠡᠷᠬᠡ | 15 ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠭᠤᠤᠯᠳᠠᠯᠭ᠎ᠠ ᠲᠠᠢ ᠠᠳᠬᠤᠨ᠎ᠠ᠃ ᠠᠵᠤ ᠦᠢᠯᠡᠳᠪᠦᠷᠢ ᠶᠢᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ | ᠶᠢ 97 ᠳ᠋ᠦᠩᠰᠢᠭᠤᠷ ᠳᠦᠬᠦᠷᠢᠭ ᠪᠡᠶᠡᠯᠡᠬᠦᠯᠬᠦ ᠪᠠᠷ ᠴᠢᠷᠮᠠᠶᠢᠵᠤ᠂ 3 ᠳᠦᠷᠦᠯ ᠵᠦᠢᠯ ᠢ ᠪᠠᠶᠢᠭᠤᠯᠵᠤ ᠳᠠᠭᠤᠰᠬᠠᠨ | ᠠᠰᠢᠭᠯᠠᠯᠳᠠ ᠳᠤ ᠤᠷᠤᠭᠤᠯᠬᠤ ᠪᠤᠶᠤ ᠳᠤᠷᠰᠢᠨ ᠦᠢᠯᠡᠳᠪᠦᠷᠢᠯᠡᠨ᠎ᠡ᠃ ᠴᠢᠩ ᠬᠤᠸᠠ ᠪᠦᠯᠦᠭᠯᠡᠯ ᠤᠨ 1200 | ᠳᠦᠮᠡᠨ ᠳᠤᠨ ᠤ ᠨᠡᠬᠦᠷᠡᠰᠦ ᠶᠢ ᠴᠢᠨᠠᠷ ᠢᠶᠠᠷ ᠨᠢ ᠢᠯᠭᠠᠨ ᠶᠡᠷᠦᠩᠬᠡᠶᠢᠯᠡᠨ ᠠᠰᠢᠭᠯᠠᠬᠤ᠂ ᠬᠠᠯᠠᠭᠤᠨ ᠺᠤᠮᠫᠠᠨᠢ | ᠶᠢᠨ 2×30 ᠳᠦᠮᠡᠨ ᠺᠢᠯᠤᠸᠠᠲ ᠤᠨ ᠢᠯᠴᠢ ᠴᠠᠬᠢᠯᠭᠠᠨ ᠤ ᠦᠢᠯᠡᠳᠪᠦᠷᠢᠯᠡᠯ ᠵᠡᠷᠬᠡ 9 ᠳᠦᠷᠦᠯ ᠵᠦᠢᠯ ᠤᠨ | ᠡᠬᠢᠨ ᠤ ᠬᠤᠭᠤᠴᠠᠭᠠᠨ ᠤ ᠠᠵᠢᠯ ᠢ ᠢᠳᠡᠪᠬᠢᠳᠡᠢ ᠳᠦᠯᠬᠢᠨ ᠠᠬᠢᠭᠤᠯᠵᠤ᠂ ᠳᠦᠷᠦᠯ ᠵᠦᠢᠯ ᠡᠷᠳᠡᠬᠡᠨ ᠪᠦᠳᠦᠬᠡᠨ | ᠪᠠᠶᠢᠭᠤᠯᠤᠭᠳᠠᠬᠤ ᠶᠢ ᠬᠦᠴᠦᠯᠡᠨ ᠠᠬᠢᠭᠤᠯᠤᠨ᠎ᠠ᠃ ᠨᠡᠬᠦᠷᠡᠰᠦᠨ ᠤ ᠠᠢ ︵ᠨᠡᠬᠦᠷᠡᠰᠦᠨ ᠤ ᠠᠭᠤᠷᠬᠠᠢ︶ ᠶᠢᠨ | ᠭᠠᠯᠳᠤ ᠣᠷᠣᠨ ᠤ ᠴᠡᠭᠴᠡᠯᠡᠯᠳᠡ ᠶᠢᠨ ᠢᠨᠵᠧᠨᠧᠷᠢᠩ ᠢ ᠪᠦᠬᠦ ᠳᠠᠯ᠎ᠠ ᠪᠠᠷ ᠳᠠᠭᠤᠰᠬᠠᠨ᠂ ᠨᠡᠬᠦᠷᠡᠰᠦᠨ ᠤ ᠠᠵᠤ | ᠠᠬᠤᠶᠢᠯᠠᠯ ᠢ ᠨᠢᠬᠡᠳᠬᠡᠵᠤ ᠳᠠᠬᠢᠨ ᠪᠠᠶᠢᠭᠤᠯᠬᠤ ᠪᠠ ᠮᠠᠯᠳᠠᠵᠤ ᠲᠠᠭᠤᠰᠬᠠᠭᠰᠠᠨ ᠤᠷᠤᠨ ᠢ ᠴᠡᠭᠴᠡᠯᠡᠬᠦ ᠠᠵᠢᠯ ᠢ | ᠯᠠᠪᠳᠠᠭᠤᠨ ᠢᠶᠠᠷ ᠳᠦᠯᠬᠢᠨ ᠠᠬᠢᠭᠤᠯᠤᠨ᠎ᠠ᠃ ᠤᠷᠬᠢᠭᠳᠠᠭᠰᠠᠨ ᠰᠠᠭᠤᠭᠠᠯᠢ ᠠᠷᠠᠳ ᠤᠨ ᠴᠡᠭ ᠪᠠ ᠠᠭᠤᠷᠬᠠᠢ ᠶᠢᠨ | ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠵᠤ ᠳᠤᠬᠢᠷᠠᠭᠤᠯᠤᠨ ᠠᠰᠢᠭᠯᠠᠬᠤ ᠠᠵᠢᠯ ᠢ ᠰᠠᠶᠢᠳᠤᠷ ᠬᠢᠵᠤ᠂ ᠭᠠᠵᠠᠷ | ᠰᠢᠷᠤᠢ ᠢ ᠳᠠᠳᠠᠪᠤᠷᠢᠯᠠᠵᠤ ᠰᠢᠯᠵᠢᠬᠦᠯᠦᠨ ᠠᠰᠢᠭᠯᠠᠬᠤ ᠠᠵᠢᠯ ᠢ ᠴᠢᠩᠭᠠᠳᠬᠠᠨ᠂ ᠪᠦᠳᠦᠬᠡᠨ ᠪᠠᠶᠢᠭᠤᠯᠤᠯᠳᠠ ᠳᠤ | ᠬᠡᠷᠡᠭᠯᠡᠬᠦ ᠭᠠᠵᠠᠷ ᠰᠢᠷᠤᠢ ᠶᠢᠨ ᠬᠠᠩᠭᠠᠯᠭ᠎ᠠ ᠬᠡᠷᠡᠭᠴᠡᠬᠡᠨ ᠤ ᠵᠦᠷᠢᠴᠡᠯ ᠢ ᠪᠦᠳᠦᠮᠵᠢᠳᠡᠢ ᠨᠠᠮᠳᠠᠭᠤᠯᠤᠨ᠎ᠠ᠃ | ᠴᠢᠯᠠᠭᠤᠨ ᠳᠤᠰᠤ᠂ ᠨᠡᠬᠦᠷᠡᠰᠦ᠂ ᠦᠩᠬᠡᠳᠤ ᠳᠡᠮᠦᠷᠯᠢᠭ ᠵᠡᠷᠬᠡ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠢ | ᠦᠷᠬᠦᠯᠵᠢᠯᠡᠨ ᠰᠠᠶᠢᠳᠤᠷ ᠠᠳᠬᠤᠵᠤ᠂ ᠡᠬᠢ ᠪᠠᠶᠠᠯᠢᠭ ᠢ ᠨᠢᠬᠡᠳᠬᠡᠬᠦ ᠵᠢᠴᠢ ᠨᠡᠬᠡᠬᠡᠨ ᠠᠰᠢᠭᠯᠠᠬᠤ ᠶᠢ ᠬᠦᠨᠵᠡᠬᠡᠢ | ᠲᠦᠯᠬᠢᠨᠠᠬᠢᠭᠤᠯᠵᠤ᠂ ᠡᠬᠢ ᠪᠠᠶᠠᠯᠢᠭ ᠤᠨ ᠪᠠᠳᠤᠯᠠᠭᠠᠨ ᠤ ᠴᠢᠳᠠᠪᠬᠢ ᠶᠢ ᠦᠨᠡᠨᠬᠦ ᠳᠡᠬᠡᠭᠰᠢᠯᠡᠬᠦᠯᠦᠨ᠎ᠡ᠃ | ᠤᠷᠴᠢᠨ ᠳᠤᠭᠤᠷᠢᠨ ᠤ ᠨᠦᠯᠦᠬᠡ ᠳᠤ ᠦᠨᠡᠯᠡᠯᠳᠡ ᠬᠢᠬᠦ ᠪᠤᠯᠤᠨ《 ᠭᠤᠷᠪᠠ ᠶᠢ ᠵᠡᠷᠬᠡᠪᠡᠷ ᠶᠠᠪᠤᠭᠳᠠᠭᠤᠯᠬᠤ 》 | ᠳᠦᠷᠢᠮ ᠢ ᠴᠢᠩᠭ᠎ᠠ ᠬᠡᠷᠡᠭᠵᠢᠬᠦᠯᠵᠤ᠂ ᠠᠵᠤ ᠠᠬᠤᠶᠢᠯᠠᠯ ᠤᠨ ᠮᠡᠷᠬᠡᠵᠢᠯ ᠦᠬᠡᠷᠡᠴᠢᠯᠡᠬᠦ ᠠᠯᠬᠤᠴᠠ ᠪᠠᠨ | ᠳᠦᠷᠬᠡᠳᠬᠡᠨ᠂ ᠡᠨᠧᠷᠬᠢ ᠠᠷᠪᠢᠯᠠᠨ ᠪᠤᠬᠢᠷᠳᠤᠯ ᠪᠠᠭᠠᠰᠬᠠᠬᠤ ᠬᠠᠷᠠᠯᠳᠠᠳᠤ ᠡᠬᠦᠷᠬᠡ ᠶᠢ ᠦᠨᠡᠨᠬᠦ ᠪᠡᠶᠡᠯᠡᠬᠦᠯᠦᠨ᠎ᠡ᠃ | ︵ᠬᠤᠶᠠᠷ︶ ᠠᠷᠠᠳ ᠢᠶᠠᠨ ᠴᠢᠨᠡᠬᠡᠯᠢᠭᠵᠢᠬᠦᠯᠦᠨ ᠤᠷᠤᠯᠭ᠎ᠠ ᠶᠢ ᠨᠢ ᠨᠡᠮᠡᠭᠳᠡᠬᠦᠯᠬᠦ ᠶᠢ ᠳᠤᠪᠤᠶᠢᠯᠭᠠᠨ᠂ | ᠤᠳᠤᠬᠢᠴᠢᠯᠠᠭᠰᠠᠨ ᠮᠠᠯᠵᠢᠬᠤ ᠳᠠᠷᠢᠶᠠᠯᠠᠬᠤ ᠤᠷᠤᠨ ᠢ ᠶᠡᠬᠡᠪᠠᠷ ᠬᠦᠭᠵᠢᠬᠦᠯᠦᠨ᠎ᠡ᠃ ᠦᠨᠳᠦᠷ ᠦᠷ᠎ᠡ ᠠᠰᠢᠭᠳᠠᠢ | ᠤᠰᠤ ᠠᠷᠪᠢᠯᠠᠬᠤ ᠳᠠᠷᠢᠶᠠᠯᠠᠩ ᠢ ᠳᠦᠯᠬᠢᠨ ᠠᠬᠢᠭᠤᠯᠵᠤ᠂《 ᠳᠦᠷᠪᠡᠨ ᠳᠦᠷᠦᠯ ᠤᠨ ᠮᠢᠩᠭᠠᠨ ᠳᠦᠮᠡᠨ ᠮᠤ᠋ | 》ᠭᠠᠮᠳᠠᠢ ᠤᠰᠤᠯᠠᠯᠳᠠ ᠶᠢᠨ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠲᠦᠷᠪᠡᠨ ᠶᠡᠭᠡ ᠬᠤᠳᠳᠤᠭ | ᠢᠶᠠᠷ ᠣᠰᠣᠯᠠᠬᠤ ᠤᠷᠤᠨ ᠤ ᠭᠠᠵᠠᠷ ᠲᠤᠤᠷᠠᠬᠢ ᠤᠰᠤ ᠶᠢ ᠲᠠᠳᠠᠬᠤ ᠪᠠ ᠨᠦᠬᠦᠬᠦ ᠶᠢ ᠲᠡᠩᠴᠡᠷᠢᠰᠢᠬᠦᠯᠬᠦ ᠶᠢ ᠤᠯᠠᠮ | ᠢᠶᠠᠷ ᠪᠡᠶᠡᠯᠡᠬᠦᠯᠦᠨ᠎ᠡ᠃ ᠳᠠᠷᠢᠶᠠᠯᠠᠩ ᠤᠨ ᠳᠠᠷᠢᠮᠠᠯ ᠤᠨ ᠶᠡᠷᠦᠩᠬᠡᠢ ᠳᠠᠯᠠᠪᠠᠢ ᠶᠢ 28 ᠳᠦᠮᠡᠨ ᠮᠤ᠋ ᠳᠤᠳᠤᠷ᠎ᠠ | ᠬᠢᠵᠠᠭᠠᠷᠯᠠᠨ᠂ ᠳᠠᠷᠢᠶᠠᠯᠠᠩ ᠤᠨ ᠤᠰᠤ ᠠᠷᠪᠢᠯᠠᠨ ᠤᠰᠤᠯᠠᠬᠤ ᠳᠠᠯᠠᠪᠠᠢ ᠶᠢ ᠰᠢᠨ᠎ᠡ ᠪᠠᠷ 1 ᠳᠦᠮᠡᠨ ᠮᠤ᠋ | ᠨᠡᠮᠡᠭᠳᠡᠬᠦᠯᠦᠨ᠎ᠡ᠃ ᠡᠯᠡᠰᠦᠨ ᠤ ᠦᠵᠦᠮ᠂ ᠬᠡᠬᠡᠷ᠎ᠡ ᠶᠢᠨ ᠳᠠᠤᠯᠠᠢ ᠶᠢᠨ ᠪᠦᠬᠡᠷ᠎ᠡ ᠵᠡᠷᠬᠡ ᠤᠨᠴᠠᠯᠢᠭᠳᠤ ᠠᠵᠤ | ᠦᠢᠯᠡᠰ ᠢ ᠨᠡᠭᠡᠭᠡᠨ ᠬᠦᠭᠵᠢᠬᠦᠯᠵᠦ ᠳᠠᠷᠢᠵᠤ ᠦᠷᠡᠵᠢᠬᠦᠯᠬᠦ ᠶᠢ ᠢᠳᠡᠪᠬᠢᠳᠡᠢ ᠳᠦᠯᠬᠢᠨ ᠠᠬᠢᠭᠤᠯᠵᠤ᠂ ᠴᠠᠭᠠᠨ | ᠭᠤᠶᠤᠤ᠂ ᠤᠯᠠᠭᠠᠨ ᠭᠤᠶᠤᠤ ᠶᠢ ᠳᠠᠷᠢᠬᠤ ᠪᠠ ᠦᠢᠯᠡᠳᠬᠦᠨ ᠢ ᠰᠤᠳᠤᠯᠤᠨ ᠬᠦᠭᠵᠢᠬᠦᠯᠬᠦ ᠶᠢ ᠲᠡᠯᠬᠡᠷᠡᠬᠦᠯᠦᠨ᠂ | ᠤᠨᠴᠠᠯᠢᠭᠳᠤ ᠡᠯᠡᠰᠦᠨ ᠤ ᠦᠢᠯᠡᠰ ᠢ ᠪᠤᠶᠢᠵᠢᠭᠤᠯᠤᠨ ᠬᠦᠭᠵᠢᠬᠦᠯᠵᠤ᠂ ᠮᠠᠯᠴᠢᠨ ᠳᠠᠷᠢᠶᠠᠴᠢᠨ ᠤ ᠠᠵᠤ ᠦᠢᠯᠡᠰ | ᠰᠢᠯᠵᠢᠵᠤ ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃ ᠤᠯᠠᠮᠵᠢᠯᠠᠯᠳᠤ ᠨᠤᠳᠤᠭ ᠪᠡᠯᠴᠢᠬᠡᠷ ᠤᠨ ᠮᠠᠯ ᠠᠵᠤ | ᠠᠬᠤᠢ ᠠᠴᠠ ᠤᠳᠤᠬᠢᠴᠢᠯᠠᠭᠰᠠᠨ ᠮᠠᠯ ᠠᠵᠤ ᠠᠬᠤᠢ ᠵᠦᠭ ᠰᠢᠯᠵᠢᠬᠦ ᠶᠢ ᠳᠦᠷᠬᠡᠳᠬᠡᠨ᠂ ᠲᠤᠰ ᠵᠢᠯ ᠳᠤ ᠮᠠᠯ | ᠤᠨ ᠳᠤᠭ᠎ᠠ ᠳᠤᠯᠤᠭᠠᠢ ᠶᠢ 120 ᠳᠦᠮᠡᠨ ᠳᠤᠭ᠎ᠠ ︵ᠳᠤᠯᠤᠭᠠᠢ︶ ᠳᠤᠳᠤᠷ᠎ᠠ ᠲᠤᠭᠳᠠᠪᠤᠷᠢᠵᠢᠭᠤᠯᠵᠤ᠂ ᠡᠬᠦᠨ | ᠳᠤ ᠬᠠᠰᠢᠶᠠᠯᠠᠨ ᠳᠡᠵᠢᠬᠡᠬᠦ ᠬᠡᠮᠵᠢᠶ᠎ᠡ ᠶᠢ 66 ᠳᠦᠮᠡᠨ ᠳᠤᠭ᠎ᠠ ︵ᠳᠤᠯᠤᠭᠠᠢ︶ ᠳᠤ ᠬᠦᠷᠬᠡᠨ᠎ᠡ᠃ ᠠᠯᠠᠱᠠ ᠶᠢᠨ | ᠬᠤᠤᠰ ᠪᠦᠬᠦᠳᠤ ᠳᠡᠮᠡᠭᠡ᠂ ᠨᠤᠯᠤᠤᠷ ᠤᠨ ᠴᠠᠭᠠᠨ ᠢᠮᠠᠭ᠎ᠠ ᠵᠡᠷᠬᠡ ᠰᠢᠯᠢᠳᠡᠭ ᠮᠠᠯ ᠤᠨ ᠡᠬᠦᠯᠳᠡᠷ ᠢ | ᠭᠤᠤᠯᠳᠠᠯᠭ᠎ᠠ ᠲᠠᠢ ᠬᠠᠮᠠᠭᠠᠯᠠᠨ ᠬᠦᠭᠵᠢᠬᠦᠯᠦᠨ᠎ᠡ᠃ ᠬᠡᠪᠴᠢᠶᠡᠵᠢᠯ ᠠᠴᠠ ᠳᠡᠬᠡᠭᠰᠢᠬᠢ ᠰᠠᠭᠠᠯᠢ ᠶᠢᠨ ᠦᠨᠢᠶ᠎ᠡ᠂ | ᠠᠯᠠᠰᠢᠨ ᠦᠬᠡᠷ᠂ ᠠᠯᠠᠰᠢᠨ ᠤ ᠪᠠᠭ᠎ᠠ ᠮᠠᠯ ᠵᠡᠷᠬᠡ ᠦᠨᠳᠦᠷ ᠭᠠᠷᠤᠯᠳᠠᠳᠤ ᠢᠨᠵᠧᠨᠧᠷᠢᠩ ᠵᠢᠴᠢ ᠢᠵᠢ ᠪᠦᠷᠢᠨ | ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠭᠤᠤᠯᠳᠠᠯᠭ᠎ᠠ ᠲᠠᠢ ᠳᠡᠮᠵᠢᠨ᠎ᠡ᠃ 《 ᠠᠵᠤ ᠠᠬᠤᠶᠢᠯᠠᠯ + | ᠰᠠᠭᠤᠷᠢᠨ ᠭᠠᠵᠠᠷ + ᠳᠠᠷᠢᠶᠠᠴᠢᠨ ᠡᠷᠦᠬᠡ 》 ᠶᠢᠨ ᠬᠠᠷᠢᠯᠴᠠᠨ ᠠᠰᠢᠭᠳᠠᠢ ᠬᠠᠮᠳᠤᠷᠠᠯᠴᠠᠭᠠᠨ ᠤ ᠳᠤᠭᠳᠠᠴᠠ ᠶᠢ | ᠪᠠᠶᠢᠭᠤᠯᠤᠨ ᠳᠡᠬᠦᠯᠳᠡᠷᠵᠢᠬᠦᠯᠵᠤ᠂ ᠳᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠡᠵᠡᠩᠨᠡᠯᠳᠡ ᠶᠢᠨ | ᠳᠤᠰᠬᠠᠢᠢᠵᠢᠯᠳᠡ᠂ ᠪᠠᠷᠢᠮᠵᠢᠶᠠᠵᠢᠯᠳᠠ᠂ ᠬᠡᠪᠴᠢᠶᠡᠵᠢᠯᠳᠡ᠂ ᠡᠷᠴᠢᠮᠵᠢᠯᠳᠠ ᠶᠢ ᠳᠦᠯᠬᠢᠨ ᠠᠬᠢᠭᠤᠯᠵᠤ᠂ | ᠭᠤᠤᠯᠳᠠᠯᠭ᠎ᠠ ᠲᠠᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠪᠤᠯᠪᠠᠰᠤᠷᠠᠭᠤᠯᠵᠤ ᠡᠳ᠋ᠰᠢᠬᠦᠯᠬᠦ | ᠨᠤᠷᠮ᠎ᠠ ᠪᠠ ᠨᠡᠮᠡᠯᠳᠡ ᠦᠷᠳᠡᠭ ᠢ ᠳᠡᠬᠡᠭᠰᠢᠯᠡᠬᠦᠯᠦᠨ᠂ ᠠᠵᠤ ᠦᠢᠯᠡᠰᠵᠢᠭᠰᠡᠨ ᠪᠤᠷᠤᠯᠠᠭᠤᠯᠤᠯᠳᠠ ᠶᠢᠨ ᠤᠷᠤᠯᠭ᠎ᠠ | ᠶᠢ 4.5 ᠳ᠋ᠦᠩᠰᠢᠭᠤᠷ ᠳᠦᠬᠦᠷᠢᠭ ᠪᠡᠶᠡᠯᠡᠬᠦᠯᠦᠨ᠎ᠡ᠃ ᠴᠢᠨᠠᠷ ᠴᠢᠨᠰᠠᠭᠠᠨ ᠤ ᠬᠢᠨᠠᠨ ᠬᠠᠮᠢᠶᠠᠷᠤᠯᠳᠠ ᠪᠠ ᠬᠦᠨᠳᠤ | ᠶᠡᠭᠡ ᠬᠢᠵᠢᠭ ᠢ ᠰᠡᠷᠬᠡᠶᠢᠯᠡᠨ ᠬᠤᠷᠢᠭᠯᠠᠬᠤ ᠪᠠᠨ ᠴᠢᠩᠭᠠᠳᠬᠠᠵᠤ᠂ ᠮᠠᠯ ᠤᠨ ᠠᠰᠢᠭ ᠰᠢᠮ᠎ᠡ ᠳᠠᠷᠢᠶᠠᠯᠠᠩ ᠤᠨ | ᠪᠦᠳᠦᠬᠡᠭᠳᠡᠬᠦᠨ ᠤ ᠴᠢᠨᠠᠷ ᠴᠢᠨᠰᠠᠭᠠᠨ ᠤ ᠠᠮᠤᠷ ᠳᠦᠪᠰᠢᠨ ᠢ ᠪᠠᠳᠤᠯᠠᠨ᠎ᠠ᠃ ᠮᠠᠯᠵᠢᠬᠤ ᠳᠠᠷᠢᠶᠠᠯᠠᠬᠤ | ᠶᠡᠷᠦᠩᠬᠡᠶᠢᠯᠡᠭᠰᠡᠨ ᠦᠢᠯᠡᠴᠢᠯᠡᠬᠡᠨ ᠤ ᠰᠢᠰᠲ᠋ᠧᠮ ᠢ ᠳᠡᠬᠦᠯᠳᠡᠷᠵᠢᠬᠦᠯᠦᠨ᠎ᠡ᠃《 ᠰᠢᠨ᠎ᠡ ᠰᠦᠯᠵᠢᠶᠡᠨ ᠤ | ᠢᠨᠵᠧᠨᠧᠷᠢᠩ 》 ᠤᠨ ᠪᠠᠶᠢᠭᠤᠯᠤᠯᠳᠠ ᠶᠢᠨ ᠬᠦᠴᠦᠯᠡᠴᠡ ᠪᠠᠨ ᠶᠡᠬᠡᠰᠬᠡᠵᠤ᠂ ᠮᠠᠯ ᠤᠨ ᠨᠤᠯᠤᠤᠷ᠂ ᠠᠮᠤ ᠪᠤᠳᠠᠭ᠎ᠠ | ᠵᠡᠷᠬᠡ ᠭᠤᠤᠯᠳᠠᠯᠭ᠎ᠠ ᠲᠠᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠦᠢᠯᠡᠳᠪᠦᠷᠢᠯᠡᠯ | ᠪᠤᠷᠤᠯᠠᠭᠤᠯᠭ᠎ᠠ ᠶᠢ ᠵᠠᠯᠭᠠᠯᠳᠤᠭᠤᠯᠬᠤ ᠵᠢᠴᠢ ᠬᠢᠮᠢ ᠶᠢᠨ ᠪᠤᠷᠳᠤᠭᠤᠷ᠂ ᠳᠠᠷᠢᠶᠠᠯᠠᠩ ᠤᠨ ᠵᠤᠯᠤᠮ᠎ᠠ᠂ ᠦᠷ᠎ᠡ ᠵᠡᠷᠬᠡ | ᠳᠠᠷᠢᠶᠠᠯᠠᠩ ᠤᠨ ᠡᠳ᠋ ᠪᠠᠷᠠᠭᠠᠨ ᠤ ᠲᠤᠬᠢᠷᠠᠭᠤᠯᠤᠨ ᠵᠦᠬᠡᠬᠡᠬᠦ᠂ ᠨᠦᠬᠡᠴᠡᠯᠡᠬᠦ ᠪᠠ ᠬᠠᠩᠭᠠᠬᠤ ᠠᠵᠢᠯ ᠢ ᠰᠠᠶᠢᠳᠤᠷ | ᠬᠢᠨ᠎ᠡ᠃ ᠳᠠᠷᠢᠶᠠᠯᠠᠩ ᠤᠨ ᠡᠳ᠋ ᠪᠠᠷᠠᠭᠠᠨ ᠤ ᠶᠡᠷᠦᠩᠬᠡᠶᠢᠯᠡᠭᠰᠡᠨ ᠨᠦᠬᠦᠪᠦᠷᠢ᠂ ᠠᠮᠤ ᠪᠤᠳᠠᠭᠠᠨ ᠤ ᠰᠢᠭᠤᠳ | ᠨᠦᠬᠦᠪᠦᠷᠢ ᠵᠡᠷᠬᠡ ᠮᠠᠯᠴᠢᠨ ᠳᠠᠷᠢᠶᠠᠴᠢᠨ ᠢ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠦᠨ᠎ᠡ | ᠃ | ︵ᠭᠤᠷᠪᠠ︶ ᠴᠢᠨᠠᠷ ᠢ ᠳᠡᠬᠡᠭᠰᠢᠯᠡᠬᠦᠯᠦᠨ ᠦᠷ᠎ᠡ ᠠᠰᠢᠭ ᠢ ᠨᠡᠮᠡᠭᠳᠡᠬᠦᠯᠬᠦ ᠶᠢ ᠳᠤᠪᠤᠶᠢᠯᠭᠠᠨ᠂ ᠭᠤᠷᠪᠠᠳᠤᠭᠠᠷ | ᠠᠵᠤ ᠦᠢᠯᠡᠰ ᠤᠨ ᠠᠮᠢᠵᠢᠷᠠᠯ ᠤᠨ ᠬᠦᠴᠦᠨ ᠢ ᠴᠢᠩᠭᠠᠷᠠᠭᠤᠯᠤᠨ᠎ᠠ᠃ ᠪᠠᠶᠠᠨᠬᠤᠳᠠ ᠶᠢᠨ ᠪᠤᠳᠠᠰ ᠤᠨ | ᠬᠦᠢᠯᠬᠡᠬᠡᠨ ᠤ ᠳᠤᠬᠢᠷᠠᠭᠤᠯᠤᠨ ᠬᠦᠷᠬᠡᠬᠦ ᠳᠦᠪ ᠪᠠᠷ ᠭᠤᠤᠯ ᠪᠤᠯᠭᠠᠭᠰᠠᠨ ᠭᠠᠵᠠᠷ ᠤᠷᠤᠨ ᠤ ᠴᠢᠨᠠᠷᠳᠠᠢ | ᠳᠡᠬᠡᠭᠡᠬᠡᠪᠦᠷᠢ ᠶᠢᠨ ᠵᠠᠩᠬᠢᠯᠠᠭ᠎ᠠ ᠪᠠ ᠪᠤᠳᠠᠰ ᠤᠨ ᠬᠦᠢᠯᠬᠡᠬᠡᠨ ᠤ ᠳᠦᠪ ᠢ ᠳᠡᠬᠦᠯᠳᠡᠷᠵᠢᠬᠦᠯᠵᠤ᠂ ᠤᠯᠠᠨᠪᠤᠯᠠᠭ᠂ | ᠲᠡᠭᠷᠢ ᠵᠡᠷᠬᠡ ᠪᠤᠳᠠᠰ ᠤᠨ ᠬᠦᠢᠯᠬᠡᠬᠡᠨ ᠤ ᠲᠤᠭᠤᠷᠢᠭ ᠢ ᠡᠬᠢᠯᠡᠵᠤ ᠪᠦᠳᠦᠬᠡᠨ ᠪᠠᠶᠢᠭᠤᠯᠤᠨ᠎ᠠ᠃ ᠪᠠᠭᠤᠳᠠᠯ᠂ | ᠢᠳᠡᠬᠡᠨ ᠤᠮᠳᠠᠭᠠᠨ᠂ ᠰᠤᠯᠠ ᠪᠠᠷ ᠪᠤᠷᠤᠯᠠᠭᠤᠯᠬᠤ᠂ ᠠᠳᠠᠯ ᠠᠬᠤᠢ᠂ ᠠᠶᠠᠨᠴᠢᠨ ᠤ ᠳᠡᠬᠡᠬᠡᠪᠦᠷᠢ ᠵᠡᠷᠬᠡ ᠠᠵᠢᠯ | ᠲᠦᠷᠦᠯ ᠤᠨ ᠠᠵᠢᠯᠳᠠᠨ ᠤ ᠪᠤᠯᠪᠠᠰᠤᠷᠠᠯ ᠤᠨ ᠠᠵᠢᠯ ᠢ ᠴᠢᠩᠭᠠᠳᠬᠠᠨ᠂ ᠦᠢᠯᠡᠴᠢᠯᠡᠬᠡᠨ ᠤ ᠳᠦᠪᠰᠢᠨ ᠪᠠ | ᠴᠢᠨᠠᠷ ᠴᠢᠨᠰᠠᠭ᠎ᠠ ᠶᠢ ᠳᠡᠬᠡᠭᠰᠢᠯᠡᠬᠦᠯᠦᠨ᠎ᠡ᠃ ᠱᠠᠰᠢᠨ ᠢ ᠪᠠᠳᠠᠷᠠᠭᠤᠯᠤᠭᠴᠢ ᠰᠦᠮ᠎ᠡ᠂ ᠳᠤᠩᠬᠤ ᠶᠢᠨ ᠨᠠᠭᠤᠷ᠂ | ᠬᠠᠯᠳᠠᠷ ᠨᠠᠭᠤᠷ᠂ ᠤᠯᠠᠨᠪᠤᠯᠠᠭ ᠤᠨ ᠬᠠᠳᠠᠨ ᠬᠠᠪᠴᠢᠯ ᠵᠡᠷᠬᠡ ᠭᠤᠤᠯᠳᠠᠯᠭ᠎ᠠ ᠲᠠᠢ ᠵᠢᠭᠤᠯᠴᠢᠯᠠᠯ ᠤᠨ ᠦᠵᠡᠮᠵᠢ | ᠶᠢᠨ ᠤᠷᠤᠨ ᠤ ᠰᠠᠭᠤᠷᠢ ᠳᠦᠬᠦᠬᠡᠷᠦᠮᠵᠢ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠪᠤᠶᠠᠨ ᠢ | ᠦᠨᠳᠦᠰᠦᠯᠡᠭᠴᠢ ᠰᠦᠮ᠎ᠡ᠂ ᠤᠯᠠᠭᠠᠨ ᠨᠠᠭᠤᠷ ᠵᠡᠷᠬᠡ ᠦᠵᠡᠮᠵᠢ ᠶᠢᠨ ᠤᠷᠤᠨ ᠤ ᠪᠦᠳᠦᠬᠡᠨ ᠪᠠᠶᠢᠭᠤᠯᠤᠯᠳᠠ ᠪᠠᠨ | ᠦᠷᠬᠦᠯᠵᠢᠯᠡᠬᠦᠯᠵᠤ᠂ ᠵᠢᠭᠤᠯᠴᠢᠯᠠᠯ ᠤᠨ ᠦᠢᠯᠡᠴᠢᠯᠡᠬᠡᠨ ᠤ ᠴᠢᠳᠠᠪᠬᠢ ᠶᠢ ᠳᠡᠬᠡᠭᠰᠢᠯᠡᠬᠦᠯᠦᠨ᠎ᠡ᠃ ᠮᠠᠯᠵᠢᠬᠤ | ᠲᠠᠷᠢᠶᠠᠯᠠᠬᠤ ᠤᠷᠤᠨ ᠤ ᠵᠢᠭᠤᠯᠴᠢᠯᠠᠯ ᠢ ᠲᠦᠷᠬᠡᠳᠭᠡᠨ ᠬᠦᠭᠵᠢᠬᠦᠯᠵᠦ᠂ ᠬᠤᠶᠠᠷ ᠤᠳᠤᠨ ᠲᠡᠰ ᠠᠴᠠ ᠲᠡᠭᠡᠭᠰᠢᠬᠢ | ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠤᠨ 10 ᠡᠷᠦᠬᠡ ᠶᠢ ᠰᠢᠯᠭᠠᠨ ᠲᠤᠭᠳᠠᠭᠠᠨ᠎ᠠ᠃ ᠰᠡᠯᠡᠬᠦᠴᠡᠯ | ᠠᠮᠠᠷᠠᠯᠳᠠ᠂ ᠤᠨᠴᠠᠯᠢᠭᠳᠤ ᠵᠢᠭᠤᠯᠴᠢᠯᠠᠯ ᠤᠨ ᠳᠦᠷᠦᠯ ᠵᠦᠢᠯ ᠪᠠ ᠡᠯᠡᠰᠦᠨ ᠵᠢᠷᠤᠭ ᠂ ᠦᠨᠳᠦᠰᠦᠳᠡᠨ ᠤ | ᠬᠤᠪᠴᠠᠰᠤ ᠵᠠᠰᠠᠯ᠂ ᠦᠨᠳᠦᠰᠦᠳᠡᠨ ᠤ ᠭᠠᠷ ᠤᠷᠠᠯᠠᠯ ᠤᠨ ᠪᠦᠳᠦᠬᠡᠭᠳᠡᠬᠦᠨ᠂ ᠬᠠᠴᠢᠨ ᠴᠢᠯᠠᠭᠤ᠂ ᠬᠠᠰ ᠤᠨ | ᠰᠡᠶᠢᠯᠦᠮᠡᠯ ᠵᠡᠷᠬᠡ ᠵᠢᠭᠤᠯᠴᠢᠯᠠᠯ ᠤᠨ ᠪᠦᠳᠦᠬᠡᠭᠳᠡᠬᠦᠨ ᠢ ᠶᠡᠬᠡᠪᠡᠷ ᠨᠡᠬᠡᠬᠡᠨ ᠬᠦᠭᠵᠢᠬᠦᠯᠵᠤ᠂ ᠠᠯᠠᠱᠠ ᠶᠢᠨ ᠬᠠᠰ | · ᠬᠠᠴᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠬᠡᠬᠡᠷ᠎ᠡ ᠳᠤᠭᠤᠯᠬᠤ e ᠪᠦᠯᠦᠭ ᠤᠨ | ᠪᠠᠭᠠᠳᠤᠷᠴᠤᠳ ᠤᠨ ᠴᠤᠭᠯᠠᠭᠠᠨ ᠵᠡᠷᠬᠡ ᠠᠵᠢᠯᠯᠠᠭ᠎ᠠ ᠶᠢ ᠰᠠᠶᠢᠳᠤᠷ ᠦᠷᠨᠢᠬᠦᠯᠦᠨ᠂ ᠤᠨᠴᠠᠯᠢᠭᠳᠤ ᠵᠢᠭᠤᠯᠴᠢᠯᠠᠯ | ᠤᠨ ᠨᠡᠷᠡᠳᠤ ᠳᠡᠮᠳᠡᠭ ᠢ ᠡᠬᠦᠳᠦᠨ᠎ᠡ᠃《 ᠬᠦᠳᠡᠭᠡ ᠳᠤᠰᠬᠤᠨ ᠤ ᠵᠠᠬ᠎ᠠ ᠳᠡᠯᠬᠡᠬᠦᠷ ᠤᠨ ᠢᠨᠵᠧᠨᠧᠷᠢᠩ》ᠪᠠ《 | ᠬᠤᠯᠢᠰᠢᠨ ᠢᠳᠡᠬᠡᠨ》 ᠤ ᠢᠨᠵᠧᠨᠧᠷᠢᠩ ᠢ ᠦᠷᠬᠦᠯᠵᠢᠯᠡᠨ ᠰᠠᠶᠢᠳᠤᠷ ᠬᠡᠷᠡᠭᠵᠢᠬᠦᠯᠦᠨ᠂ ᠴᠤᠭᠯᠠᠭ᠎ᠠ ᠮᠠᠶᠢᠮᠠᠢ ᠶᠢᠨ | ᠵᠠᠬ᠎ᠠ ᠳᠡᠯᠬᠡᠬᠦᠷ᠂ ᠳᠦᠬᠦᠮ ᠳᠡᠯᠬᠡᠬᠦᠷ ᠢ ᠬᠦᠴᠦ ᠪᠠᠨ ᠳᠦᠪᠯᠡᠷᠡᠬᠦᠯᠦᠨ ᠦᠬᠡᠷᠡᠴᠢᠯᠡᠠ ᠪᠠᠶᠢᠭᠤᠯᠤᠨ᠎ᠠ᠃ ᠬᠡᠷᠡᠭᠯᠡᠬᠡᠨ | ᠤ ᠳᠡᠰ ᠳᠡᠪᠰᠢᠯᠳᠡ ᠪᠠ ᠤᠯᠠᠨ ᠡᠰᠢᠵᠢᠨ ᠬᠦᠭᠵᠢᠬᠦ ᠰᠢᠨ᠎ᠡ ᠬᠠᠨᠳᠤᠰᠢ ᠲᠠᠢ ᠨᠡᠶᠢᠴᠡᠬᠦᠯᠵᠤ᠂ ᠮᠦᠩᠬᠦᠨ | ᠬᠦᠢᠯᠬᠡᠬᠡ᠂ ᠳᠠᠭᠠᠳᠬᠠᠯ ᠵᠢᠴᠢ ᠮᠠᠰᠢᠨ ᠳᠡᠷᠬᠡᠨ ᠤ ᠪᠤᠷᠤᠯᠠᠭᠤᠯᠤᠯᠳᠠ᠂ ᠭᠤᠶᠤᠵᠢᠭᠤᠯᠤᠯᠳᠠ᠂ ᠰᠡᠯᠪᠢᠨ ᠵᠠᠰᠠᠯᠳᠠ | ᠵᠡᠷᠬᠡ ᠠᠵᠤ ᠦᠢᠯᠡᠰ ᠢ ᠶᠡᠬᠡᠪᠡᠷ ᠬᠦᠭᠵᠢᠬᠦᠯᠦᠨ᠂ ᠪᠡᠶ᠎ᠡ ᠪᠠᠨ ᠴᠢᠬᠢᠷᠠᠭᠵᠢᠭᠤᠯᠵᠤ ᠰᠡᠯᠡᠬᠦᠴᠡᠬᠦ᠂ ᠬᠡᠷ ᠤᠨ | ᠶᠠᠪᠤᠳᠠᠯ ᠤᠨ ᠦᠢᠯᠡᠴᠢᠯᠡᠭᠡ ᠵᠡᠷᠬᠡ ᠰᠢᠨ᠎ᠡ ᠬᠡᠷᠡᠭᠯᠡᠬᠡᠨ ᠤ ᠬᠠᠯᠠᠭᠤᠷᠠᠯ ᠴᠡᠭ ᠢ ᠢᠳᠡᠪᠬᠢᠳᠡᠢ ᠪᠤᠶᠢᠵᠢᠭᠤᠯᠵᠤ᠂ | ᠬᠤᠳᠠ ᠬᠦᠳᠡᠭᠡ ᠶᠢᠨ ᠰᠠᠭᠤᠭᠠᠯᠢ ᠠᠷᠠᠳ ᠲᠤ ᠪᠦᠷᠢᠨ ᠳᠡᠬᠦᠯᠳᠡᠷ᠂ ᠳᠦᠬᠦᠮ ᠳᠦᠳᠡ ᠨᠡᠶᠢᠳᠡ ᠶᠢᠨ | ᠦᠢᠯᠡᠴᠢᠯᠡᠭᠡ ᠬᠠᠩᠭᠠᠨ᠎ᠠ᠃ | ︵ᠳᠦᠷᠪᠡ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢ ᠴᠢᠩᠭᠠᠳᠬᠠᠨ᠂ | ᠬᠤᠳᠠ ᠶᠢᠨ ᠴᠢᠨᠠᠷ ᠲᠡᠰ ᠢ ᠬᠦᠴᠦ ᠳᠠᠯᠪᠢᠨ ᠳᠡᠬᠡᠭᠰᠢᠯᠡᠬᠦᠯᠦᠨ᠎ᠡ᠃ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭᠠᠨ ᠤ《 ᠳᠦᠯᠦᠪᠵᠢᠬᠦᠯᠬᠡ ᠶᠢ ᠠᠶᠢᠮᠠᠭ ᠲᠤ ᠲᠤᠰᠢᠶᠠᠵᠤ᠂ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ | ᠶᠢ ᠬᠤᠰᠢᠭᠤᠨ ᠳᠤ ᠰᠢᠯᠵᠢᠬᠦᠯᠬᠦ 》ᠱᠠᠭᠠᠷᠳᠠᠯᠭ᠎ᠠ ᠶᠤᠰᠤᠭᠠᠷ᠂ ᠪᠠᠶᠠᠨᠬᠤᠳᠠ ᠶᠢᠨ ᠬᠤᠳᠠ ᠶᠢᠨ ᠪᠦᠳᠦᠬᠡᠨ | ᠪᠠᠶᠢᠭᠤᠯᠤᠯᠳᠠ ᠪᠠ ᠬᠠᠮᠢᠶᠠᠷᠤᠯᠳᠠ ᠶᠢᠨ ᠲᠤᠭᠳᠠᠯᠴᠠᠭ᠎ᠠ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠦᠨ᠎ᠡ᠃ | ᠬᠤᠳᠠ ᠶᠢᠨ ᠪᠡᠯᠡ ᠤᠷᠤᠭᠤᠯᠤᠯᠳᠠ ᠶᠢᠨ ᠳᠠᠪᠴᠠᠩ ᠢ ᠪᠤᠵᠠᠭᠠᠶᠢᠷᠠᠭᠤᠯᠵᠤ᠂ ᠪᠡᠯᠡ ᠮᠦᠩᠬᠦ ᠤᠷᠤᠭᠤᠯᠬᠤ ᠠᠷᠭ᠎ᠠ | ᠵᠠᠮ ᠢ ᠦᠷᠬᠡᠳᠬᠡᠨ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠳᠤ ᠪᠡᠯᠡ ᠮᠦᠩᠬᠦᠨ ᠤ ᠪᠠᠳᠤᠯᠠᠭ᠎ᠠ | ᠬᠠᠩᠭᠠᠨ᠎ᠠ᠃ ᠪᠠᠶᠠᠨᠬᠤᠳᠠ ᠶᠢᠨ ᠬᠤᠸᠠᠷᠠᠨ ᠤ ᠰᠢᠯᠢ ᠶᠢᠨ ᠡᠷᠬᠢᠨ ᠳᠤᠭᠤᠷᠢᠨ ᠤ ᠤᠷᠴᠢᠨ ᠠᠬᠤᠢ ᠶᠢᠨ ᠵᠠᠰᠠᠨ | ᠴᠡᠭᠴᠡᠯᠡᠯᠳᠡ᠂ ᠬᠠᠴᠢᠨ ᠴᠢᠯᠠᠭᠤᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ︵ᠰᠤᠨᠢᠷᠬᠠᠯᠳᠤ | ᠴᠢᠯᠠᠭᠤᠨ ᠤ ᠬᠦᠷᠢᠶᠡᠯᠡᠩ︶᠂ ᠴᠢᠩ ᠬᠤᠸᠠ ᠤᠯᠤᠰ ᠤᠨ ᠵᠤᠴᠢᠳ ᠤᠨ ᠪᠠᠭᠤᠳᠠᠯ ᠵᠡᠷᠬᠡ ᠭᠤᠤᠯᠳᠠᠯᠭ᠎ᠠ ᠲᠠᠢ | ᠳᠦᠷᠦᠯ ᠵᠦᠢᠯ ᠤᠨ ᠲᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠠᠯᠬᠤᠴᠠ ᠪᠠᠨ ᠳᠦᠷᠬᠡᠳᠬᠡᠨ᠎ᠡ᠃ | ᠪᠤᠶᠠᠨ ᠢ ᠠᠷᠪᠢᠳᠬᠠᠭᠴᠢ ᠰᠦᠮ᠎ᠡ ᠶᠢ ᠬᠠᠮᠠᠭᠠᠯᠠᠵᠤ ᠵᠠᠰᠠᠨ ᠰᠢᠨᠡᠳᠬᠡᠬᠦ᠂ ᠬᠠᠭᠤᠴᠢᠨ ᠬᠤᠳᠠ ᠶᠢᠨ ᠬᠡᠷᠡᠮ ᠤᠨ | ᠪᠠᠷᠠᠭᠤᠨ ᠬᠡᠰᠡᠭ ᠪᠠ ᠬᠤᠳᠠ ᠶᠢᠨ ᠰᠠᠬᠢᠭᠤᠯᠰᠤᠨ ᠤ ᠰᠦᠮ᠎ᠡ ᠶᠢ ᠰᠡᠷᠬᠦᠬᠡᠨ ᠪᠠᠶᠢᠭᠤᠯᠬᠤ ᠵᠡᠷᠬᠡ ᠬᠤᠯᠠᠳᠠᠬᠢᠨ ᠢ | ᠳᠤᠭᠳᠠᠭᠠᠭᠴᠢ ᠬᠤᠷᠢᠶ᠎ᠠ ᠶᠢᠨ ᠬᠠᠭᠤᠴᠢᠨ ᠬᠤᠳᠠ ᠶᠢᠨ ᠬᠤᠶᠠᠳᠤᠭᠠᠷ ᠬᠤᠭᠤᠴᠠᠭᠠᠨ ᠤ ᠬᠠᠮᠠᠭᠠᠯᠠᠯᠳᠠ ᠶᠢᠨ | ᠢᠨᠵᠧᠨᠧᠷᠢᠩ ᠢ ᠡᠬᠢᠯᠡᠵᠤ ᠬᠡᠷᠡᠭᠵᠢᠬᠦᠯᠦᠨ᠎ᠡ᠃ 2.7 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ | ᠪᠠᠶᠠᠨᠬᠤᠳᠠ ᠶᠢᠨ ᠴᠡᠴᠡᠷᠯᠢᠭ ᠤᠨ ᠨᠤᠭᠤᠭᠠᠷᠠᠭᠤᠯᠤᠯᠳᠠ ᠶᠢᠨ ᠢᠨᠵᠧᠨᠧᠷᠢᠩ ᠢ ᠭᠤᠤᠯᠳᠠᠯᠭ᠎ᠠ ᠲᠠᠢ | ᠬᠡᠷᠡᠭᠵᠢᠬᠦᠯᠵᠤ᠂ ᠦᠪᠡᠷᠳᠡᠬᠡᠨ ᠵᠠᠰᠠᠬᠤ ᠤᠷᠤᠨ ᠤ ᠴᠡᠴᠡᠷᠯᠢᠭᠵᠢᠭᠰᠡᠨ ᠬᠤᠰᠢᠭᠤ ᠰᠢᠶᠠᠨ ᠪᠤᠯᠭᠠᠬᠤ ᠪᠠᠷ ᠴᠢᠷᠮᠠᠶᠢᠨ᠎ᠠ | ᠃ ᠬᠤᠳᠠ ᠶᠢᠨ ᠪᠠᠷᠠᠭᠤᠨ ᠬᠡᠰᠡᠭ ᠤᠨ ᠶᠡᠷᠦᠩᠬᠡᠶᠢᠯᠡᠭᠰᠡᠨ ᠦᠬᠡᠷᠡᠴᠢᠯᠡᠯᠳᠡ ᠪᠠ ᠬᠤᠳᠠ ᠶᠢᠨ ᠶᠠᠪᠤᠳᠠᠯ ᠤᠨ | ᠪᠦᠳᠦᠬᠡᠨ ᠪᠠᠶᠢᠭᠤᠯᠤᠯᠳᠠ ᠶᠢᠨ ᠢᠨᠵᠧᠨᠧᠷᠢᠩ ᠢ ᠳᠦᠯᠬᠢᠨ ᠠᠬᠢᠭᠤᠯᠤᠨ᠎ᠠ᠃ ᠬᠡᠷ ᠪᠠᠶᠢᠰᠢᠩ ᠤᠨ | ᠳᠠᠳᠠᠪᠤᠷᠢᠯᠠᠯᠳᠠ ᠶᠢᠨ ᠠᠵᠢᠯ ᠢ ᠴᠢᠩᠭᠠᠳᠬᠠᠵᠤ᠂ ᠬᠤᠳᠠ ᠶᠢᠨ ᠪᠦᠷᠬᠡ ᠬᠡᠷ ᠤᠨ ᠳᠤᠭᠤᠷᠢᠭ ᠢ ᠵᠠᠰᠠᠵᠤ | ᠦᠬᠡᠷᠡᠴᠢᠯᠡᠬᠦ ᠪᠠᠨ ᠳᠦᠷᠬᠡᠳᠬᠡᠨ᠎ᠡ᠃ ᠬᠢᠮᠳᠠ ᠳᠦᠷᠢᠶᠡᠰᠦᠨ ᠬᠡᠷ᠂ ᠨᠡᠶᠢᠳᠡ ᠶᠢᠨ ᠳᠦᠷᠢᠶᠡᠰᠦᠨ ᠬᠡᠷ ᠵᠡᠷᠬᠡ ᠡᠯ᠎ᠡ | ᠳᠦᠷᠦᠯ ᠤᠨ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ | ᠪᠠᠨ ᠶᠡᠬᠡᠰᠬᠡᠵᠤ᠂ ᠳᠤᠤᠷ᠎ᠠ ᠤᠷᠤᠯᠭ᠎ᠠ ᠲᠠᠢ ᠤᠯᠠᠨ ᠳᠦᠮᠡᠨ ᠤ ᠤᠷᠤᠨ ᠰᠠᠭᠤᠴᠠ ᠶᠢᠨ ᠬᠦᠴᠢᠷᠳᠡᠯ ᠢ | ᠨᠠᠮᠳᠠᠭᠤᠯᠤᠨ᠎ᠠ᠃ ᠤᠯᠠᠨᠪᠤᠯᠠᠭ᠂ ᠳᠡᠭᠷᠢ᠂ ᠵᠡᠬᠦᠨ ᠪᠡᠯ᠂ ᠵᠢᠷᠠᠳᠠᠢ ᠵᠡᠷᠬᠡ ᠵᠠᠩᠬᠢᠯᠠᠭ᠎ᠠ ᠪᠤᠯᠬᠤ ᠬᠤᠳᠠ ᠪᠠᠯᠭᠠᠰᠤᠨ ᠤ | ᠳᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ ᠶᠢ ᠴᠢᠩᠭᠠᠳᠬᠠᠨ᠂ ᠬᠤᠳᠠ ᠪᠠᠯᠭᠠᠰᠤᠨ ᠤ | ᠦᠢᠯᠡᠳᠦᠯ ᠴᠢᠳᠠᠪᠬᠢ ᠪᠠ ᠶᠡᠷᠦᠩᠬᠡᠢ ᠳᠠᠭᠠᠭᠠᠴᠠ ᠶᠢ ᠳᠡᠬᠡᠭᠰᠢᠯᠡᠬᠦᠯᠦᠨ᠎ᠡ᠃ ᠢᠩᠬᠡᠨ᠂ ᠴᠤᠭᠳᠤᠬᠦ᠋ᠷᠢᠶ᠎ᠡ᠂ | ᠡᠷᠬᠡᠬᠠᠰᠬ᠎ᠠ᠂ ᠪᠠᠶᠠᠨᠮᠦ᠋ᠷᠡᠨ᠂ ᠪᠠᠶᠠᠨᠨᠢᠷᠤᠭᠤᠨ ᠵᠡᠷᠬᠡ ᠰᠤᠮᠤᠨ ᠤ ᠬᠦᠭᠵᠢᠯᠳᠡ ᠶᠢᠨ ᠳᠦᠯᠦᠪᠵᠢᠬᠦᠯᠬᠡ ᠶᠢ | ᠳᠤᠭᠳᠠᠭᠠᠵᠤ᠂ ᠬᠤᠳᠠ ᠶᠢᠨ ᠵᠠᠮ ᠬᠠᠷᠢᠯᠴᠠᠭ᠎ᠠ᠂ ᠤᠰᠤ ᠬᠠᠩᠭᠠᠯᠳᠠ᠂ ᠳᠤᠯᠠᠭᠠᠯᠭ᠎ᠠ ᠬᠠᠩᠭᠠᠯᠳᠠ ᠵᠡᠷᠬᠡ ᠰᠠᠭᠤᠷᠢ | ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠦᠨᠳᠦᠰᠦᠨ ᠱᠠᠳᠤᠨ ᠤ ᠠᠵᠢᠯ ᠠᠮᠢᠳᠤᠷᠠᠯ | ᠤᠨ ᠨᠦᠬᠦᠴᠡᠯ ᠢ ᠤᠯᠠᠮ ᠢᠶᠠᠷ ᠰᠠᠶᠢᠵᠢᠷᠠᠭᠤᠯᠤᠨ᠎ᠠ᠃ ᠬᠤᠳᠠ ᠶᠢᠨ ᠬᠠᠮᠢᠶᠠᠷᠤᠯᠳᠠ ᠶᠢᠨ ᠶᠡᠷᠦᠩᠬᠡᠶᠢᠯᠡᠭᠰᠠᠨ | ᠬᠠᠤᠯᠢ ᠬᠡᠷᠡᠭᠵᠢᠬᠦᠯᠬᠦ ᠳᠤᠭᠳᠠᠴᠠ ᠶᠢ ᠪᠠᠶᠢᠭᠤᠯᠵᠤ᠂ ᠬᠤᠳᠠ ᠶᠢᠨ ᠠᠷᠢᠭᠤᠨ ᠴᠡᠪᠡᠷ᠂ ᠬᠤᠳᠠ ᠶᠢᠨ ᠶᠠᠪᠤᠳᠠᠯ | ᠤᠨ ᠳᠦᠬᠦᠬᠡᠷᠦᠮᠵᠢ ᠶᠢᠨ ᠬᠠᠮᠢᠶᠠᠷᠤᠯᠳᠠ ᠶᠢ ᠴᠢᠩᠭᠠᠳᠬᠠᠵᠤ᠂ ᠪᠦᠬᠦ ᠳᠠᠯ᠎ᠠ ᠶᠢᠨ᠂ ᠨᠠᠷᠢᠯᠢᠭᠵᠢᠭᠰᠠᠨ᠂ | ᠳᠤᠭᠠᠴᠢᠯᠠᠭᠰᠠᠨ ᠬᠤᠳᠠ ᠶᠢᠨ ᠬᠠᠮᠢᠶᠠᠷᠤᠯᠳᠠ ᠶᠢᠨ ᠳᠤᠭᠳᠠᠯᠴᠠᠭ᠎ᠠ ᠶᠢ ᠪᠤᠢ ᠪᠤᠯᠭᠠᠨ᠂ ᠰᠠᠶᠢᠨ ᠰᠠᠶᠢᠬᠠᠨ | ᠠᠮᠢᠳᠤᠷᠠᠨ ᠰᠠᠭᠤᠷᠢᠰᠢᠬᠤ ᠤᠷᠴᠢᠨ ᠢ ᠪᠤᠢ ᠪᠤᠯᠭᠠᠨ᠎ᠠ᠃ | ︵ᠳᠠᠪᠤ︶ ᠠᠮᠢ ᠠᠬᠤᠢ ᠪᠠ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ | ᠬᠦᠮᠦᠨ ᠪᠠᠶᠢᠭᠠᠯᠢ ᠶᠢᠨ ᠡᠶ᠎ᠡ ᠵᠤᠬᠢᠴᠠᠩᠭᠤᠢ ᠭᠦᠭᠵᠢᠯᠳᠡ ᠶᠢ ᠳᠦᠯᠬᠢᠨ ᠠᠬᠢᠭᠤᠯᠤᠨ᠎ᠠ᠃《ᠬᠠᠮᠠᠭᠠᠯᠠᠬᠤ ᠪᠠ | ᠪᠦᠳᠦᠬᠡᠨ ᠪᠠᠶᠢᠭᠤᠯᠬᠤ ᠶᠢ ᠵᠡᠷᠬᠡᠪᠡᠷ ᠴᠢᠬᠤᠯᠠᠴᠢᠯᠠᠵᠤ᠂ ᠬᠠᠮᠠᠭᠠᠯᠠᠬᠤ ᠪᠠᠷ ᠭᠤᠤᠯᠯᠠᠬᠤ 》ᠴᠢᠭᠯᠡᠯᠳᠡ ᠶᠢ | ᠪᠠᠷᠢᠮᠳᠠᠯᠠᠵᠤ᠂ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢᠨ ᠬᠦᠴᠦᠯᠡᠴᠡ ᠪᠠᠨ | ᠨᠡᠮᠡᠭᠳᠡᠬᠦᠯᠦᠨ᠂ ᠭᠠᠵᠠᠷ ᠤᠷᠤᠨ ᠤ ᠠᠮᠢ ᠠᠬᠤᠢ ᠶᠢᠨ ᠤᠷᠴᠢᠨ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠬᠠᠳᠤᠨ ᠭᠤᠤᠯ ᠤᠨ ᠬᠦᠢᠪᠦᠷᠢ ᠨᠠᠭᠤᠷ ᠤᠨ ᠦᠶᠡᠷ ᠬᠤᠷᠠᠭᠤᠯᠵᠤ ᠳᠤᠭᠳᠠᠭᠠᠬᠤ ᠤᠷᠤᠨ ᠤ ᠪᠦᠳᠦᠬᠡᠨ | ᠪᠠᠶᠢᠭᠤᠯᠤᠯᠳᠠ ᠶᠢᠨ ᠳᠦᠷᠦᠯ ᠵᠦᠢᠯ ᠤᠨ ᠳᠦᠯᠦᠪᠵᠢᠬᠦᠯᠬᠡ ᠳᠦᠯᠦᠪᠯᠡᠯᠳᠡ ᠶᠢᠨ ᠠᠵᠢᠯ ᠢ ᠪᠡᠶᠡᠯᠡᠬᠦᠯᠵᠤ᠂ ᠠᠵᠢᠯ | ᠢᠶᠠᠨ ᠡᠬᠢᠯᠡᠬᠦᠯᠵᠤ ᠠᠰᠢᠭᠯᠠᠯᠳᠠ ᠳᠤ ᠤᠷᠤᠭᠤᠯᠬᠤ ᠪᠠᠷ ᠴᠢᠷᠮᠠᠶᠢᠨ᠎ᠠ᠃ ᠤᠯᠠᠭᠠᠨᠪᠤᠬ᠎ᠠ ᠶᠢᠨ ᠠᠮᠢ ᠠᠬᠤᠢ ᠶᠢᠨ | ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠤ ᠳᠦᠯᠦᠪᠵᠢᠬᠦᠯᠬᠡ ᠪᠦᠳᠦᠬᠡᠨ | ᠪᠠᠶᠢᠭᠤᠯᠤᠯᠳᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠬᠡᠷᠡᠭᠵᠢᠬᠦᠯᠵᠤ᠂ ᠬᠠᠳᠤᠨ ᠭᠤᠤᠯ ᠤᠨ ᠪᠠᠷᠠᠭᠤᠨ | ᠡᠷᠬᠢ ᠶᠢᠨ 1000 ᠳᠡᠭᠰᠢ ᠳᠦᠷᠪᠡᠯᠵᠢᠨ ᠺᠢᠯᠤᠮᠧᠲᠷ ᠤᠨ ᠠᠮᠢ ᠠᠬᠤᠢ ᠶᠢ ᠵᠠᠰᠠᠵᠤ ᠴᠡᠭᠴᠡᠯᠡᠬᠦ ᠤᠷᠤᠨ ᠤ | ᠮᠠᠯᠴᠢᠨ ᠳᠠᠷᠢᠶᠠᠴᠢᠨ ᠳᠤ ᠨᠦᠬᠦᠪᠦᠷᠢ ᠤᠯᠭᠤᠵᠤ ᠳᠦᠪᠬᠢᠨᠡᠬᠦᠯᠬᠦ ᠠᠵᠢᠯ ᠢ ᠢᠳᠡᠪᠬᠢᠳᠡᠢ ᠰᠠᠶᠢᠳᠤᠷ ᠬᠢᠨ᠎ᠡ᠃ | ᠨᠡᠶᠢᠳᠡ ᠶᠢᠨ ᠠᠰᠢᠭᠳᠤ ᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠦᠬᠦᠪᠦᠷᠢ ᠪᠠ ᠨᠤᠳᠤᠭ ᠪᠡᠯᠴᠢᠬᠡᠷ | ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢᠯᠡᠵᠤ ᠱᠠᠩᠨᠠᠨ ᠬᠦᠬᠢᠬᠦᠯᠬᠦ ᠳᠤᠭᠳᠠᠴᠠ ᠶᠢ ᠪᠦᠬᠦ ᠳᠠᠯ᠎ᠠ | ᠪᠠᠷ ᠨᠠᠶᠢᠳᠠᠪᠤᠷᠢᠵᠢᠭᠤᠯᠤᠨ᠎ᠠ᠃ ᠡᠯᠡᠰᠦᠨ ᠬᠦᠪᠡᠭᠡ ᠶᠢ ᠳᠤᠭᠳᠠᠪᠤᠷᠢᠵᠢᠭᠤᠯᠵᠤ ᠬᠤᠳᠠ ᠪᠠᠨ ᠬᠠᠮᠠᠭᠠᠯᠠᠬᠤ᠂ ᠵᠠᠭᠤᠨ | ᠳᠦᠮᠡᠨ ᠮᠤ᠋ ᠵᠠᠭ ᠤᠨ ᠴᠠᠭᠠᠨ ᠭᠤᠶᠤᠤ ᠶᠢᠨ ᠠᠵᠤ ᠦᠢᠯᠡᠰ ᠤᠨ ᠰᠠᠭᠤᠷᠢᠨ ᠭᠠᠵᠠᠷ ᠤᠨ ᠢᠨᠵᠧᠨᠧᠷᠢᠩ ᠢ | ᠬᠦᠨᠵᠡᠬᠡᠢ ᠲᠦᠯᠬᠢᠨ ᠠᠬᠢᠭᠤᠯᠵᠤ᠂ ᠤᠢ ᠰᠢᠭᠤᠢ ᠨᠤᠳᠤᠭ ᠪᠡᠯᠴᠢᠬᠡᠷ ᠤᠨ ᠭᠠᠯ ᠢ ᠰᠡᠷᠬᠡᠶᠢᠯᠡᠬᠦ ᠵᠢᠴᠢ ᠬᠠᠮᠢᠶᠠᠷᠴᠤ | ᠬᠠᠮᠠᠭᠠᠯᠠᠬᠤ ᠠᠵᠢᠯ ᠢ ᠴᠢᠩᠭᠠᠳᠬᠠᠨ᠂ 305 ᠳᠦᠮᠡᠨ ᠮᠤ᠋ ᠨᠤᠳᠤᠭ ᠪᠡᠯᠴᠢᠬᠡᠷ ᠤᠨ ᠪᠦᠳᠦᠬᠡᠨ ᠪᠠᠶᠢᠭᠤᠯᠤᠯᠳᠠ | ᠶᠢᠨ ᠡᠬᠦᠷᠬᠡ ᠶᠢ ᠪᠡᠶᠡᠯᠡᠬᠦᠯᠦᠨ᠂ ᠨᠢᠰᠬᠡᠯ ᠢᠶᠠᠷ 20 ᠳᠦᠮᠡᠨ ᠮᠤ᠋ ᠤᠢ ᠳᠠᠷᠢᠵᠤ᠂ 10 ᠳᠦᠮᠡᠨ ᠮᠤ᠋ ᠲᠠᠯᠠᠪᠠᠢ | ᠪᠦᠬᠦᠢ ᠠᠭᠤᠯᠠ ︵ᠡᠯᠡᠰᠦ︶ ᠶᠢ ᠪᠢᠳᠡᠬᠦᠮᠵᠢᠯᠡᠨ ᠤᠶᠢᠵᠢᠭᠤᠯᠵᠤ᠂ 15 ᠳᠦᠮᠡᠨ ᠮᠤ᠋ ᠤᠢ ᠰᠢᠭᠤᠢ ᠳᠠᠷᠢᠨᠡ᠃ | ᠠᠯᠠᠱᠠ ᠠᠭᠤᠯᠠᠨ ᠤ ᠠᠮᠢᠳᠠᠨ ᠤᠷᠭᠤᠮᠠᠯ᠂ ᠤᠰᠤᠨ ᠵᠦᠢ᠂ ᠠᠭᠤᠷ ᠠᠮᠢᠰᠬᠤᠯ ᠤᠨ ᠰᠢᠨᠵᠢᠯᠡᠬᠦ ᠤᠬᠠᠭᠠᠨ ᠤ | ᠪᠠᠶᠢᠴᠠᠭᠠᠯᠳᠠ ᠶᠢᠨ ᠠᠵᠢᠯ ᠢ ᠦᠷᠨᠢᠬᠦᠯᠦᠨ᠎ᠡ᠃ ᠪᠠᠶᠠᠨᠬᠤᠳᠠ ᠵᠢᠴᠢ ᠬᠢᠯᠢ ᠳᠠᠭᠠᠤ ᠰᠤᠮᠤ ᠪᠠᠯᠭᠠᠰᠤᠨ ᠤ | ᠤᠤᠭᠤᠬᠤ ᠤᠰᠤᠨ ᠤ ᠠᠶᠤᠯᠬᠦᠢ ᠢᠨᠵᠧᠨᠧᠷᠢᠩ ᠢ ᠳᠦᠷᠬᠡᠳᠬᠡᠨ ᠠᠬᠢᠭᠤᠯᠤᠨ᠎ᠠ᠃ ᠲᠤᠪᠤᠴᠠᠭ ᠵᠡᠷᠬᠡ 3 | ᠠᠶᠤᠯᠳᠠᠢ ᠤᠰᠤᠨ ᠴᠦᠬᠦᠷᠦᠮ ᠤᠨ ᠠᠶᠤᠯ ᠢ ᠠᠷᠢᠯᠭᠠᠵᠤ ᠪᠠᠬᠢᠵᠢᠬᠦᠯᠬᠦ᠂ ᠦᠯᠵᠡᠢ ᠰᠤᠮᠤᠨ ᠤ ᠱᠠᠷᠵᠠ ᠭᠠᠴᠠᠭ᠎ᠠ | ᠵᠡᠷᠬᠡ 8 ᠭᠠᠵᠠᠷ ᠤᠨ ᠤᠤᠭᠤᠬᠤ ᠤᠰᠤᠨ ᠤ ᠠᠶᠤᠯᠬᠦᠢ ᠢᠨᠵᠧᠨᠧᠷᠢᠩ᠂ ᠵᠠᠭ ᠤᠨ ᠤᠰᠤ ᠶᠢᠨ ᠪᠠᠭ᠎ᠠ ᠰᠠᠪᠠ | ᠭᠠᠵᠠᠷ ᠢ ᠵᠠᠰᠠᠵᠤ ᠤᠰᠤ ᠰᠢᠷᠤᠢ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠎ᠡ᠃ ᠪᠠᠶᠠᠨᠮᠤᠳᠤ ᠶᠢᠨ 220 | ᠺᠢᠯᠤᠸᠣᠯᠲ᠂ ᠬᠠᠳᠤᠨ ᠭᠤᠤᠯ ᠤᠨ ᠪᠠᠷᠠᠭᠤᠨ ᠡᠷᠬᠢ ᠶᠢᠨ 110 ᠺᠢᠯᠤᠸᠣᠯᠲ ᠪᠠ ᠢᠩᠬᠡᠨ᠂ ᠪᠠᠶᠠᠨᠮᠦ᠋ᠷᠡᠨ᠂ | ᠲᠤᠩᠭᠠᠯᠠᠭ ᠨᠠᠭᠤᠷ ᠤᠨ 35 ᠺᠢᠯᠤᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠦᠷᠳᠡᠭᠡ | ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠦᠨ᠎ᠡ᠃ ᠪᠠᠶᠠᠨᠮᠦ᠋ᠷᠡᠨ ᠤ ᠬᠠᠳᠤᠨ ᠭᠤᠤᠯ ᠤᠨ ᠶᠡᠭᠡ ᠬᠦᠬᠦᠷᠬᠡ ᠶᠢᠨ | ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠰᠤᠬᠤᠨᠳᠤ ᠠᠴᠠ ᠶᠠᠪᠠᠷᠠᠢ᠂ ᠳᠤᠯᠢ ᠠᠴᠠ ᠲᠡᠷᠡᠰᠦᠨ ᠬᠦᠷᠬᠦ ᠵᠡᠷᠬᠡ | ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠢ ᠬᠡᠷᠡᠭᠵᠢᠬᠦᠯᠦᠨ᠎ᠡ᠃ ᠤᠯᠠᠨᠪᠤᠯᠠᠭ ᠠᠴᠠ | ᠪᠠᠶᠠᠨᠮᠦ᠋ᠷᠡᠨ᠂ ᠰᠤᠬᠤᠨᠳᠤ ᠠᠴᠠ ᠦᠯᠵᠡᠢ ᠪᠤᠭᠤᠮᠳᠠ ᠬᠦᠷᠬᠦ ᠵᠢᠴᠢ ᠦᠬᠠᠢ — ᠪᠠᠶᠠᠨᠬᠤᠳᠠ ᠵᠠᠮ ᠠᠴᠠ ᠮᠠᠩᠯᠠᠢ | ᠬᠦᠷᠬᠦ ᠵᠡᠷᠬᠡ 5 ᠵᠤᠷᠪᠤᠰ ᠭᠠᠴᠠᠭ᠎ᠠ ᠳᠤᠰᠬᠤᠨ ᠳᠤ ᠨᠡᠪᠳᠡᠷᠡᠬᠦ ᠵᠠᠰᠠᠮᠠᠯ ᠵᠠᠮ ᠢ ᠬᠡᠷᠡᠭᠵᠢᠬᠦᠯᠬᠦ ᠪᠠᠷ ᠴᠢᠷᠮᠠᠶᠢᠨ᠎ᠠ᠃ | ᠪᠠᠶᠠᠨᠬᠤᠳᠠ ᠶᠢᠨ ᠨᠢᠰᠬᠡᠯ ᠤᠨ ᠪᠠᠭᠤᠳᠠᠯ ᠪᠠ ᠨᠢᠰᠬᠡᠯ ᠤᠨ ᠪᠠᠭᠤᠳᠠᠯ ᠤᠨ ᠵᠠᠰᠠᠮᠠᠯ ᠵᠠᠮ ᠤᠨ ᠪᠦᠳᠦᠬᠡᠨ | ᠪᠠᠶᠢᠭᠤᠯᠤᠯᠳᠠ ᠶᠢ ᠪᠡᠶᠡᠯᠡᠬᠦᠯᠵᠤ᠂ ᠲᠤᠰ ᠵᠢᠯ ᠳᠤ ᠨᠢᠰᠬᠡᠯ ᠨᠡᠪᠳᠡᠷᠡᠬᠦᠯᠬᠦ ᠪᠠᠷ ᠴᠢᠷᠮᠠᠶᠢᠨ᠎ᠠ᠃ | ︵ᠵᠢᠷᠭᠤᠭ᠎ᠠ︶ ᠭᠠᠳᠠᠭᠠᠳᠤ ᠲᠠᠢ ᠴᠢᠯᠦᠬᠡᠳᠡᠢ ᠶᠠᠪᠤᠯᠴᠠᠬᠤ ᠶᠢ ᠬᠦᠨᠵᠡᠬᠡᠢ ᠳᠦᠯᠬᠢᠨ ᠠᠬᠢᠭᠤᠯᠵᠤ᠂ ᠬᠦᠭᠵᠢᠯᠳᠡ | ᠶᠢᠨ ᠨᠦᠬᠡᠴᠡ ᠬᠦᠴᠦᠨ ᠢ ᠴᠢᠷᠮᠠᠶᠢᠨ ᠨᠡᠮᠡᠭᠳᠡᠬᠦᠯᠦᠨ᠎ᠡ᠃ ᠵᠡᠬᠦᠨ ᠬᠡᠰᠡᠭ ᠳᠠᠯᠠᠢ ᠳᠠᠭᠠᠤ ᠬᠦᠭᠵᠢᠭᠰᠡᠨ ᠤᠷᠤᠨ | ᠤ ᠠᠵᠤ ᠦᠢᠯᠡᠰ ᠤᠨ ᠰᠢᠯᠵᠢᠯᠳᠡ ᠶᠢᠨ ᠳᠤᠬᠢᠶᠠᠯ ᠢ ᠴᠢᠩᠭ᠎ᠠ ᠠᠳᠬᠤᠵᠤ᠂ ᠭᠤᠤᠯᠳᠠᠯᠭ᠎ᠠ ᠲᠠᠢ ᠭᠠᠵᠠᠷ ᠤᠷᠤᠨ | ᠪᠠ ᠭᠤᠤᠯᠳᠠᠯᠭ᠎ᠠ ᠲᠠᠢ ᠠᠵᠤ ᠦᠢᠯᠡᠰ ᠲᠤ ᠬᠠᠷᠠᠯᠳᠠ ᠪᠠᠨ ᠳᠤᠭᠳᠠᠭᠠᠵᠤ᠂ ᠮᠠᠨ ᠤ ᠬᠤᠰᠢᠭᠤᠨ ᠤ ᠨᠡᠬᠦᠷᠡᠰᠦ᠂ | ᠳᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠰᠠᠯᠬᠢᠨ ᠴᠠᠬᠢᠯᠭᠠᠨ ᠵᠡᠷᠬᠡ ᠠᠵᠤ ᠦᠢᠯᠡᠰ ᠤᠨ | ᠦᠨᠳᠦᠰᠦᠨ ᠳᠠᠪᠠᠭᠤᠯᠢᠭ ᠢ ᠬᠦᠢᠴᠡᠳ ᠪᠠᠳᠠᠷᠠᠭᠤᠯᠵᠤ᠂ ᠳᠦᠷᠦᠯ ᠵᠦᠢᠯ ᠢ ᠰᠤᠩᠭᠤᠨ ᠳᠠᠨᠢᠯᠴᠠᠭᠤᠯᠬᠤ | ᠬᠦᠴᠦᠯᠡᠴᠡ ᠪᠠᠨ ᠶᠡᠬᠡᠰᠬᠡᠵᠤ᠂ ᠪᠦᠳᠦᠬᠡᠭᠳᠡᠬᠦᠨ ᠢ ᠨᠡᠬᠡᠬᠡᠵᠤ ᠬᠦᠭᠵᠢᠬᠦᠯᠦᠨ᠂ ᠠᠵᠤ ᠦᠢᠯᠡᠳᠪᠦᠷᠢ ᠶᠢᠨ ᠠᠵᠤ | ᠦᠢᠯᠡᠰ ᠤᠨ ᠬᠡᠯᠬᠢᠶᠡᠵᠢᠯ ᠢ ᠤᠷᠳᠤᠳᠬᠠᠵᠤ᠂ ᠠᠵᠤ ᠦᠢᠯᠡᠳᠪᠦᠷᠢ ᠶᠢᠨ ᠰᠦᠷᠦᠭᠵᠢᠨ ᠬᠦᠭᠵᠢᠬᠦ ᠶᠢ | ᠠᠬᠢᠭᠤᠯᠤᠨ᠎ᠠ᠃ ᠨᠢᠬᠡᠨᠳᠡ ᠬᠡᠷ᠎ᠡ ᠳᠤᠭᠳᠠᠭᠰᠠᠨ ᠳᠦᠷᠦᠯ ᠵᠦᠢᠯ ᠢ ᠤᠯᠠᠮ ᠨᠢᠬᠡ ᠠᠯᠬᠤᠮ ᠨᠠᠶᠢᠳᠠᠪᠤᠷᠢᠵᠢᠭᠤᠯᠵᠤ᠂ | 200 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠬᠦ ᠪᠠᠷ ᠴᠢᠷᠮᠠᠶᠢᠨ᠎ᠠ᠃ ᠮᠠᠨ ᠤ | ᠬᠤᠰᠢᠭᠤᠨ ᠤ ᠪᠤᠳᠠᠳᠤ ᠪᠠᠶᠢᠳᠠᠯ ᠳᠤ ᠳᠤᠬᠢᠷᠠᠬᠤ ᠡᠯ᠎ᠡ ᠵᠦᠢᠯ ᠤᠨ ᠠᠵᠤ ᠦᠢᠯᠡᠰ ᠢ ᠰᠠᠶᠢᠨ ᠠᠩᠬᠠᠷᠴᠤ᠂ | ᠳᠦᠷᠦᠯ ᠵᠦᠢᠯ ᠤᠨ ᠡᠬᠢᠨ ᠤ ᠬᠤᠭᠤᠴᠠᠭᠠᠨ ᠤ ᠬᠠᠮᠢᠶᠠᠷᠤᠯᠳᠠ ᠶᠢ ᠰᠠᠶᠢᠳᠤᠷ ᠠᠳᠬᠤᠨ᠂ ᠠᠵᠤ ᠦᠢᠯᠡᠳᠪᠦᠷᠢ | ᠂ ᠳᠠᠷᠢᠶᠠᠯᠠᠩ ᠮᠠᠯ ᠠᠵᠤ ᠠᠬᠤᠢ᠂ ᠤᠰᠤᠨ ᠠᠰᠢᠭᠯᠠᠯᠳᠠ᠂ ᠵᠠᠮ ᠬᠠᠷᠢᠯᠴᠠᠭ᠎ᠠ᠂ ᠠᠮᠢ ᠠᠬᠤᠢ ᠶᠢᠨ ᠪᠦᠳᠦᠬᠡᠨ | ᠪᠠᠶᠢᠭᠤᠯᠤᠯᠳᠠ᠂ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ᠂ ᠰᠢᠨ᠎ᠡ ᠮᠠᠯᠵᠢᠬᠤ ᠳᠠᠷᠢᠶᠠᠯᠠᠬᠤ ᠤᠷᠤᠨ ᠤ | ᠪᠦᠳᠦᠬᠡᠨ ᠪᠠᠶᠢᠭᠤᠯᠤᠯᠳᠠ ᠵᠡᠷᠬᠡ ᠳᠠᠯ᠎ᠠ ᠪᠠᠷ ᠨᠢᠬᠡ ᠪᠦᠯᠦᠭ ᠳᠦᠷᠦᠯ ᠵᠦᠢᠯ ᠢ ᠨᠦᠬᠡᠴᠡᠯᠡᠬᠦ ᠪᠠᠷ ᠴᠢᠷᠮᠠᠶᠢᠵᠤ᠂ | ᠳᠦᠷᠦᠯ ᠵᠦᠢᠯ ᠢ ᠨᠦᠬᠡᠴᠡᠯᠡᠵᠦ᠂ ᠤᠷᠤᠭᠤᠯᠤᠨ᠂ ᠪᠠᠶᠢᠭᠤᠯᠵᠤ ᠳᠠᠭᠤᠰᠬᠠᠨ᠂ ᠲᠦᠯᠦᠪᠯᠡᠭᠰᠡᠨ ᠦᠢᠯᠡᠳᠪᠦᠷᠢᠯᠡᠯ | ᠤᠨ ᠬᠡᠮᠵᠢᠶᠡᠨ ᠳᠤ ᠬᠦᠷᠬᠡᠭᠦ ᠰᠠᠶᠢᠨ ᠡᠷᠬᠢᠯᠳᠡ ᠶᠢ ᠪᠤᠢ ᠪᠤᠯᠭᠠᠨ᠎ᠠ᠃ ᠢᠳᠡᠬᠡᠮᠵᠢᠳᠤ ᠪᠠᠳᠤᠯᠠᠭᠠᠨ ᠤ ᠳᠦᠪ ᠲᠤ | 776 ᠳᠦᠮᠡᠨ ᠳᠦᠬᠦᠷᠢᠭ ᠤᠨ ᠪᠡᠯᠡ ᠤᠷᠤᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠳᠤ 1 ᠳ᠋ᠦᠩᠰᠢᠭᠤᠷ | ᠳᠦᠬᠦᠷᠢᠭ ᠤᠨ ᠢᠳᠡᠬᠡᠮᠵᠢᠳᠤ ᠵᠢᠬᠡᠯᠡᠯᠬᠡ ᠶᠢᠨ ᠪᠡᠯᠡ ᠮᠦᠩᠬᠦ ᠬᠠᠩᠭᠠᠬᠤ ᠪᠠᠷ ᠴᠢᠷᠮᠠᠶᠢᠨ᠎ᠠ᠃ ᠮᠦᠩᠬᠦᠨ | ᠬᠦᠢᠯᠬᠡᠬᠡᠨ ᠤ ᠪᠠᠶᠢᠭᠤᠯᠭ᠎ᠠ ᠪᠠ ᠮᠦᠩᠬᠦᠨ ᠬᠦᠢᠯᠬᠡᠬᠡᠨ ᠤ ᠪᠤᠰᠤ ᠪᠠᠶᠢᠭᠤᠯᠭ᠎ᠠ ᠲᠠᠢ ᠬᠠᠷᠢᠯᠴᠠᠵᠤ ᠬᠠᠮᠳᠤᠷᠠᠯᠴᠠᠬᠤ | ᠪᠠᠨ ᠴᠢᠩᠭᠠᠳᠬᠠᠵᠤ᠂ ᠪᠡᠯᠡ ᠬᠤᠷᠠᠮᠳᠤᠭᠤᠯᠬᠤ ᠳᠠᠪᠴᠠᠩ ᠢ ᠦᠷᠬᠡᠳᠬᠡᠨ᠂ ᠪᠠᠩᠬᠢ ᠠᠴᠠ ᠭᠤᠤᠯᠳᠠᠯᠭ᠎ᠠ ᠲᠠᠢ | ᠳᠦᠷᠦᠯ ᠵᠦᠢᠯ ᠪᠠ ᠭᠤᠤᠯᠳᠠᠯᠭ᠎ᠠ ᠲᠠᠢ ᠠᠵᠤ ᠠᠬᠤᠶᠢᠯᠠᠯ ᠳᠤ ᠢᠳᠡᠬᠡᠮᠵᠢᠳᠤ ᠵᠢᠬᠡᠯᠡᠯᠬᠡ ᠦᠭᠴᠦ ᠳᠡᠮᠵᠢᠬᠦ ᠶᠢ | ᠢᠳᠡᠪᠬᠢᠳᠡᠢ ᠴᠢᠷᠮᠠᠶᠢᠨ ᠪᠡᠶᠡᠯᠡᠬᠦᠯᠦᠨ᠎ᠡ᠃ ᠮᠤᠩᠭᠤᠯ ᠤᠯᠤᠰ ᠤᠨ ᠵᠠᠰᠠᠭ ᠤᠨ ᠤᠷᠳᠤᠨ ᠵᠢᠴᠢ ᠡᠮᠦᠨᠡᠭᠤᠪᠢ | ᠠᠶᠢᠮᠠᠭ ᠲᠠᠢ ᠰᠤᠯᠢᠯᠴᠠᠭ᠎ᠠ ᠪᠠᠨ ᠦᠷᠬᠦᠯᠵᠢᠯᠡᠨ ᠴᠢᠩᠭᠠᠳᠬᠠᠵᠤ᠂ ᠠᠯᠠᠱᠠ ᠶᠢᠨ ᠢ ᠳ᠋ᠦᠩ ᠪᠡᠯᠡ ᠤᠷᠤᠭᠤᠯᠤᠯᠳᠠ | ᠶᠢᠨ ᠬᠢᠵᠠᠭᠠᠷᠳᠤ ᠺᠤᠮᠫᠠᠨᠢ ᠪᠠ ᠮᠤᠩᠭᠤᠯ ᠤᠯᠤᠰ ᠤᠨ ᠠᠵᠢᠨᠠᠢ ᠺᠤᠮᠫᠠᠨᠢ ᠶᠢᠨ ᠬᠠᠮᠳᠤᠷᠠᠯᠴᠠᠭ᠎ᠠ ᠶᠢ ᠠᠬᠢᠭᠤᠯᠤᠨ᠂ | ᠦᠯᠵᠡᠢ ᠪᠤᠭᠤᠮᠳᠠ ᠶᠢ ᠨᠡᠬᠡᠬᠡᠭᠳᠡᠬᠦᠯᠬᠦ ᠠᠯᠬᠤᠴᠠ ᠶᠢ ᠲᠦᠷᠬᠡᠳᠬᠡᠨ ᠠᠬᠢᠭᠤᠯᠵᠤ᠂ ᠲᠠᠬᠢᠵᠤ ᠲᠦᠷ ᠴᠠᠭ ᠢᠶᠠᠷ | ᠪᠠᠷᠠᠭ᠎ᠠ ᠦᠩᠬᠡᠷᠡᠬᠦᠯᠬᠦ ᠪᠤᠶᠤ ᠤᠯᠠᠷᠢᠯ ᠤᠨ ᠴᠢᠨᠠᠷᠳᠠᠢ ᠨᠡᠬᠡᠬᠡᠭᠳᠡᠬᠦᠯᠬᠦ ᠪᠠᠷ ᠴᠢᠷᠮᠠᠶᠢᠨ᠎ᠠ᠃ | ︵ᠳᠤᠯᠤᠭ᠎ᠠ︶ ᠨᠡᠶᠢᠳᠡ ᠶᠢᠨ ᠡᠳ᠋ ᠤᠨ ᠵᠠᠰᠠᠭ ᠤᠨ ᠪᠡᠯᠡ ᠤᠷᠤᠭᠤᠯᠤᠯᠳᠠ ᠪᠠᠨ ᠳᠠᠰᠤᠷᠠᠯᠳᠠ ᠦᠬᠡᠢ | ᠶᠡᠬᠡᠰᠬᠡᠵᠤ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠤᠨ᠎ᠠ ᠃ ᠠᠷᠠᠳ ᠢᠶᠠᠨ | ᠴᠢᠨᠡᠬᠡᠯᠢᠭᠵᠢᠬᠦᠯᠬᠦ ᠪᠠ ᠬᠤᠰᠢᠭᠤ ᠪᠠᠨ ᠬᠦᠴᠦᠷᠬᠡᠭᠵᠢᠬᠦᠯᠬᠦ ᠶᠢ ᠵᠡᠷᠬᠡᠪᠡᠷ ᠴᠢᠬᠤᠯᠠᠴᠢᠯᠠᠨ᠂ ᠠᠷᠠᠳ ᠢᠶᠠᠨ | ᠴᠢᠨᠡᠬᠡᠯᠢᠭᠵᠢᠬᠦᠯᠬᠦ ᠶᠢ ᠳᠡᠷᠢᠬᠦᠨ ᠳᠤ ᠪᠠᠶᠢᠯᠭᠠᠬᠤ ᠶᠢ ᠪᠠᠷᠢᠮᠳᠠᠯᠠᠵᠤ᠂ ᠠᠷᠠᠳ ᠤᠨ ᠠᠮᠢᠳᠤᠷᠠᠯ ᠳᠠᠬᠢ ᠪᠡᠯᠡ | ᠤᠷᠤᠭᠤᠯᠤᠯᠳᠠ ᠪᠠᠨ ᠤᠯᠠᠮ ᠨᠢᠬᠡ ᠠᠯᠬᠤᠮ ᠨᠡᠮᠡᠭᠳᠡᠬᠦᠯᠦᠨ᠂ ᠠᠷᠠᠳ ᠲᠤ ᠬᠢᠬᠦ 10 ᠪᠤᠳᠠᠳᠤ ᠤᠴᠢᠷ ᠢ | ᠰᠠᠶᠢᠳᠤᠷ ᠨᠠᠶᠢᠳᠠᠪᠤᠷᠢᠵᠢᠭᠤᠯᠵᠤ᠂ ᠬᠦᠭᠵᠢᠯᠳᠡ ᠶᠢᠨ ᠦᠷ᠎ᠡ ᠪᠦᠳᠦᠬᠡᠯ ᠢ ᠬᠠᠮᠤᠭ ᠶᠡᠭᠡ ᠬᠡᠮᠵᠢᠶ᠎ᠡ ᠪᠠᠷ ᠦᠷᠬᠡᠨ | ᠤᠯᠠᠨ ᠠᠷᠠᠳ ᠳᠦᠮᠡᠨ ᠳᠤ ᠬᠦᠷᠳᠡᠬᠡᠨ᠎ᠡ᠃ ᠠᠳᠠᠯ ᠪᠤᠰᠬᠠᠬᠤ ᠠᠵᠢᠯ ᠤᠯᠬᠤ᠂ ᠰᠤᠷᠭᠠᠨ ᠬᠦᠮᠦᠵᠢᠬᠦᠯᠵᠤ ᠪᠤᠳᠠᠳᠠᠢ | ᠪᠤᠯᠪᠠᠰᠤᠷᠠᠯ ᠬᠦᠷᠳᠡᠬᠡᠬᠦ ᠶᠢ ᠨᠢᠬᠡ ᠴᠤᠭᠴᠠᠵᠢᠭᠤᠯᠤᠭᠰᠠᠨ ᠪᠠᠶᠠᠨᠬᠤᠳᠠ ᠶᠢᠨ ᠠᠳᠠᠯ ᠪᠤᠰᠬᠠᠬᠤ ᠬᠦᠷᠢᠶᠡᠯᠡᠩ ᠢ | ᠦᠨᠳᠦᠷ ᠪᠠᠷᠢᠮᠵᠢᠶ᠎ᠠ ᠪᠠᠷ ᠳᠦᠯᠦᠪᠵᠢᠬᠦᠯᠦᠨ᠂ ᠰᠠᠶᠢᠨ ᠡᠬᠢᠯᠡᠯᠳᠡ ᠲᠠᠢ ᠪᠦᠳᠦᠬᠡᠨ ᠪᠠᠶᠢᠭᠤᠯᠵᠤ᠂ ᠤᠨᠴᠠᠯᠢᠭᠳᠤ | ᠠᠵᠤ ᠦᠢᠯᠡᠰ ᠢ ᠪᠤᠶᠢᠵᠢᠭᠤᠯᠵᠤ ᠬᠦᠭᠵᠢᠬᠦᠯᠦᠨ᠂ ᠳᠡᠬᠡᠳᠤ ᠰᠤᠷᠭᠠᠭᠤᠯᠢ ᠠᠴᠠ ᠳᠡᠬᠦᠰᠦᠭᠰᠡᠳ᠂ ᠬᠤᠳᠠ | ᠪᠠᠯᠭᠠᠰᠤᠨ ᠤ ᠠᠵᠢᠯ ᠠᠯᠳᠠᠭᠰᠠᠳ ᠪᠠ ᠠᠵᠢᠯ ᠤᠯᠬᠤ ᠳᠤ ᠬᠦᠴᠢᠷᠳᠡᠢ ᠬᠦᠮᠦᠰ ᠲᠤ ᠠᠵᠢᠯ ᠤᠯᠵᠤ ᠠᠳᠠᠯ | ᠪᠤᠰᠬᠠᠬᠤ ᠳᠠᠪᠴᠠᠩ ᠢ ᠬᠠᠩᠭᠠᠨ᠎ᠠ᠃ ᠳᠤᠮᠳᠠ ᠪᠠᠭ᠎ᠠ ᠠᠵᠤ ᠠᠬᠤᠶᠢᠯᠠᠯ ᠪᠠ ᠦᠢᠯᠡᠴᠢᠯᠡᠬᠡᠨ ᠤ ᠦᠢᠯᠡᠰ ᠤᠨ | ᠳᠤᠭᠳᠠᠭᠤᠨ ᠬᠦᠭᠵᠢᠯᠳᠡ ᠶᠢ ᠳᠡᠮᠵᠢᠵᠤ᠂ ᠠᠵᠢᠯ ᠤᠯᠭᠤᠬᠤ ᠴᠢᠳᠠᠪᠤᠷᠢ ᠶᠢ ᠨᠢ ᠳᠡᠬᠡᠭᠰᠢᠯᠡᠬᠦᠯᠦᠨ᠎ᠡ᠃ ᠮᠠᠯᠴᠢᠨ | ᠳᠠᠷᠢᠶᠠᠴᠢᠨ ᠤ ᠨᠠᠰᠤᠵᠢᠯ ᠤᠨ ᠳᠠᠭᠠᠳᠬᠠᠯ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ | ᠡᠮᠨᠡᠯᠬᠡ ᠶᠢᠨ ᠳᠠᠭᠠᠳᠬᠠᠯ ᠪᠠ ᠰᠢᠨ᠎ᠡ ᠬᠡᠯᠪᠡᠷᠢ ᠶᠢᠨ ᠮᠠᠯᠵᠢᠬᠤ ᠳᠠᠷᠢᠶᠠᠯᠠᠬᠤ ᠤᠷᠤᠨ ᠤ ᠬᠤᠷᠰᠢᠭᠰᠠᠨ ᠡᠮᠨᠡᠯᠬᠡ | ᠶᠢᠨ ᠳᠠᠭᠠᠳᠬᠠᠯ ᠤᠨ ᠳᠦᠷᠢᠮ ᠢ ᠳᠦᠷᠢᠮᠵᠢᠬᠦᠯᠵᠤ᠂ ᠨᠡᠶᠢᠬᠡᠮ ᠤᠨ ᠪᠠᠳᠤᠯᠠᠭᠠᠨ ᠤ ᠬᠠᠮᠤᠷᠬᠤ ᠬᠡᠪᠴᠢᠶ᠎ᠠ ᠶᠢ | ᠦᠷᠬᠡᠳᠬᠡᠨ᠎ᠡ᠃ ᠨᠡᠶᠢᠬᠡᠮ ᠤᠨ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠳᠦᠷᠢᠮ ᠢ ᠪᠦᠷᠢᠨᠰᠢᠬᠦᠯᠵᠦ᠂ | ᠨᠡᠶᠢᠬᠡᠮ ᠤᠨ ᠠᠪᠤᠷᠠᠨ ᠳᠤᠰᠠᠯᠠᠬᠤ ᠳᠤᠭᠳᠠᠯᠴᠠᠭ᠎ᠠ ᠶᠢ ᠳᠡᠬᠦᠯᠳᠡᠷᠵᠢᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ | ᠤ ᠳᠠᠪᠤᠨ ᠪᠠᠳᠤᠯᠠᠭᠠᠨ ᠤ ᠠᠰᠠᠷᠠᠮᠵᠢ ᠶᠢᠨ ᠪᠠᠷᠢᠮᠵᠢᠶ᠎ᠠ ᠪᠠ ᠬᠤᠳᠠ ᠬᠦᠳᠡᠭᠡ ᠶᠢᠨ ᠳᠤᠤᠷ᠎ᠠ ᠪᠠᠳᠤᠯᠠᠭᠠᠨ ᠤ | ᠪᠠᠷᠢᠮᠵᠢᠶ᠎ᠠ ᠶᠢ ᠳᠡᠬᠡᠭᠰᠢᠯᠡᠬᠦᠯᠦᠨ᠎ᠡ᠃ ᠨᠠᠰᠤᠳᠠᠶᠢᠴᠤᠳ ᠤᠨ ᠠᠮᠢᠳᠤᠷᠠᠯ ᠢ ᠬᠠᠯᠠᠮᠵᠢᠯᠠᠵᠤ᠂ ᠪᠦᠬᠦ ᠬᠤᠰᠢᠭᠤᠨ ᠤ | 70 ᠨᠠᠰᠤᠨ ᠠᠴᠠ ᠳᠡᠬᠡᠭᠰᠢᠬᠢ ᠨᠠᠰᠤᠳᠠᠶᠢᠴᠤᠳ ᠲᠤ ᠨᠠᠰᠤᠳᠠᠶᠢᠴᠤᠳ ᠤᠨ ᠳᠤᠰᠬᠠᠢ ᠬᠡᠷᠡᠭᠯᠡᠬᠦ ᠭᠠᠷ ᠤᠳᠠᠰᠤ | ᠶᠢ ᠳᠠᠷᠬᠠᠭᠠᠨ᠎ᠠ᠃ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠬᠡᠷᠡᠴᠢᠯᠡᠯᠳᠡ ᠶᠢ ᠤᠯᠠᠮ ᠨᠢᠬᠡ ᠠᠯᠬᠤᠮ | ᠬᠦᠨᠵᠡᠬᠡᠶᠢᠷᠡᠬᠦᠯᠵᠤ᠂ ᠬᠤᠳᠠ ᠬᠦᠳᠡᠭᠡ ᠶᠢᠨ ᠬᠦᠮᠦᠨ ᠠᠮᠠ ᠬᠢᠬᠡᠳ ᠦᠢᠯᠡᠳᠪᠦᠷᠢᠯᠡᠯ ᠤᠨ ᠡᠯᠧᠮᠧᠨ᠋ᠲ ᠤᠨ ᠵᠦᠢ | ᠵᠤᠬᠢᠰᠳᠠᠢ ᠡᠷᠬᠢᠯᠳᠡ ᠶᠢ ᠠᠬᠢᠭᠤᠯᠤᠨ᠎ᠠ᠃ ᠬᠡᠯᠪᠡᠶᠢᠯᠬᠡᠬᠦ ᠳᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ ᠬᠢᠯᠢ | ᠬᠢᠵᠠᠭᠠᠷ ᠲᠤ ᠭᠠᠵᠠᠷ ᠨᠤᠳᠤᠭ ᠢᠶᠠᠨ ᠬᠠᠮᠠᠭᠠᠯᠠᠵᠤ ᠰᠠᠭᠤᠭ᠎ᠠ ᠮᠠᠯᠴᠢᠳ ᠤᠨ ᠠᠮᠢᠳᠤᠷᠠᠯ ᠢ ᠰᠠᠶᠢᠵᠢᠷᠠᠭᠤᠯᠵᠤ᠂ | ᠬᠢᠯᠢ ᠬᠢᠵᠠᠭᠠᠷ ᠤᠷᠤᠨ ᠤ ᠠᠮᠤᠷ ᠳᠤᠭᠳᠠᠭᠤᠨ ᠢ ᠬᠠᠮᠠᠭᠠᠯᠠᠭᠰᠠᠨ ᠦᠷ᠎ᠡ ᠪᠦᠳᠦᠬᠡᠯ ᠢ ᠪᠠᠬᠢᠵᠢᠬᠦᠯᠦᠨ᠎ᠡ᠃ | ︵ᠨᠠᠢᠮᠠ︶ ᠨᠡᠶᠢᠬᠡᠮ ᠤᠨ ᠠᠵᠢᠯ ᠦᠢᠯᠡᠰ ᠢ ᠵᠤᠬᠢᠴᠠᠩᠭᠤᠢ ᠬᠦᠭᠵᠢᠬᠦᠯᠵᠤ᠂ ᠨᠡᠶᠢᠳᠡ ᠶᠢᠨ ᠦᠢᠯᠡᠴᠢᠯᠡᠬᠡᠨ ᠤ | ᠳᠦᠪᠰᠢᠨ ᠢ ᠳᠡᠬᠡᠭᠰᠢᠯᠡᠬᠦᠯᠦᠨ᠎ᠡ᠃ ᠰᠤᠷᠭᠠᠭᠤᠯᠢ ᠶᠢᠨ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠪᠠ | ᠳᠦᠬᠦᠬᠡᠷᠦᠮᠵᠢ ᠶᠢᠨ ᠦᠬᠡᠷᠡᠴᠢᠯᠡᠯᠳᠡ ᠶᠢ ᠬᠡᠷᠡᠭᠵᠢᠬᠦᠯᠵᠤ᠂ ᠮᠤᠩᠭᠤᠯ ᠦᠨᠳᠦᠰᠦᠳᠡᠨ ᠤ ᠰᠤᠷᠭᠠᠭᠤᠯᠢ ᠶᠢ ᠰᠢᠨ᠎ᠡ | ᠪᠠᠷ ᠪᠠᠶᠢᠭᠤᠯᠬᠤ ᠪᠠ ᠬᠡᠦᠬᠡᠳ ᠤᠨ ᠴᠡᠴᠡᠷᠯᠢᠭ ᠢ ᠵᠠᠰᠠᠵᠤ ᠦᠷᠬᠡᠳᠬᠡᠨ ᠪᠠᠶᠢᠭᠤᠯᠬᠤ ᠢᠨᠵᠧᠨᠧᠷᠢᠩ ᠢ | ᠪᠡᠶᠡᠯᠡᠬᠦᠯᠦᠨ᠂ ᠵᠠᠯᠠᠭᠤ ᠪᠠᠭᠠᠴᠤᠳ ᠤᠨ ᠰᠤᠷᠭᠠᠭᠤᠯᠢ ᠶᠢᠨ ᠭᠠᠳᠠᠨᠠᠬᠢ ᠬᠦᠳᠡᠯᠬᠡᠬᠡᠨ ᠤ ᠳᠦᠪ ᠢ ᠭᠠᠵᠠᠷ | ᠰᠢᠯᠵᠢᠬᠦᠯᠦᠨ ᠵᠠᠰᠠᠵᠤ ᠪᠠᠶᠢᠭᠤᠯᠤᠨ᠎ᠠ᠃ ᠳᠡᠬᠡᠳᠤ ᠰᠢᠨ᠎ᠡ ᠮᠡᠷᠬᠡᠵᠢᠯ ᠢ ᠬᠦᠪᠦᠷᠡᠬᠦᠯᠬᠦ ᠬᠦᠷᠢᠶᠡᠯᠡᠩ ᠤᠨ ᠪᠦᠳᠦᠬᠡᠨ | ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠤᠨ᠂ ᠨᠡᠬᠦᠷᠡᠰᠦᠨ ᠤ ᠬᠢᠮᠢ ᠶᠢᠨ ᠦᠢᠯᠡᠳᠪᠦᠷᠢ᠂ ᠳᠠᠪᠤᠰᠤ ᠱᠠᠤ | ᠶᠢᠨ ᠬᠢᠮᠢ ᠶᠢᠨ ᠦᠢᠯᠡᠳᠪᠦᠷᠢ᠂ ᠤᠨᠴᠠᠯᠢᠭᠳᠤ ᠡᠯᠡᠰᠦᠨ ᠤ ᠠᠵᠤ ᠦᠢᠯᠡᠰ ᠤᠨ ᠳᠤᠭᠤᠷᠢᠨ ᠳᠤ᠂ ᠨᠢᠬᠡ ᠪᠦᠯᠦᠭ | ᠭᠤᠤᠯᠳᠠᠯᠭ᠎ᠠ ᠲᠠᠢ ᠰᠢᠨᠵᠢᠯᠡᠭᠡ ᠮᠡᠷᠬᠡᠵᠢᠯ ᠤᠨ ᠳᠤᠰᠬᠠᠢ ᠳᠦᠷᠦᠯ ᠢ ᠵᠤᠬᠢᠶᠠᠨ ᠪᠠᠶᠢᠭᠤᠯᠵᠤ ᠬᠡᠷᠡᠭᠵᠢᠬᠦᠯᠦᠨ᠎ᠡ᠃ | ᠰᠤᠶᠤᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠡᠳ᠋ᠯᠡᠬᠦ᠂ ᠷᠠᠳᠢᠤ᠋ ᠲᠧᠯᠸᠢᠰ ᠢ《 ᠡᠷᠦᠬᠡ ᠪᠦᠷᠢ | ᠳᠤ ᠨᠡᠪᠳᠡᠷᠡᠬᠦᠯᠬᠦ》᠂ ᠮᠠᠯᠵᠢᠬᠤ ᠳᠠᠷᠢᠶᠠᠯᠠᠬᠤ ᠤᠷᠤᠨ ᠳᠤ ᠺᠢᠨᠤ᠋ ᠳᠠᠯᠪᠢᠬᠤ 《2131》ᠵᠡᠷᠬᠡ ᠰᠤᠶᠤᠯ ᠢᠶᠠᠷ | ᠠᠷᠠᠳ ᠢ ᠬᠠᠷᠠᠭᠠᠯᠵᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠦᠨ᠎ᠡ︔ ᠮᠠᠯᠵᠢᠬᠤ ᠳᠠᠷᠢᠶᠠᠯᠠᠬᠤ ᠤᠷᠤᠨ | ᠳᠤ《 ᠬᠡᠷ ᠪᠦᠯᠢ ᠶᠢᠨ ᠨᠠᠭᠠᠳᠤᠮ 》ᠵᠡᠷᠬᠡ ᠦᠨᠳᠦᠰᠦᠳᠡᠨ ᠤ ᠠᠷᠠᠳ ᠤᠨ ᠰᠤᠶᠤᠯ ᠤᠨ ᠠᠵᠢᠯᠯᠠᠭ᠎ᠠ ᠶᠢ | ᠦᠷᠬᠦᠯᠵᠢᠯᠡᠨ ᠵᠢᠯᠤᠭᠤᠳᠬᠤ ᠪᠠ ᠳᠡᠮᠵᠢᠵᠤ᠂ ᠦᠨᠳᠦᠰᠦᠨ ᠱᠠᠳᠤᠨ ᠤ ᠤᠯᠠᠨ ᠳᠦᠮᠡᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠤᠨ᠎ᠠ᠃ ᠲᠡᠤᠭᠡ ᠶᠢᠨ ᠲᠤᠷᠠᠰᠬᠠᠯᠳᠤ ᠵᠤᠶᠢᠯ ᠤᠨ ᠬᠠᠮᠠᠭᠠᠯᠠᠯᠳᠠ ᠪᠠ ᠪᠤᠳᠠᠰ ᠤᠨ | ᠪᠤᠰᠤ ᠰᠤᠶᠤᠯ ᠤᠨ ᠦᠪ ᠢ ᠤᠯᠠᠮᠵᠢᠯᠠᠨ ᠵᠠᠯᠭᠠᠮᠵᠢᠯᠠᠬᠤ ᠠᠵᠢᠯ ᠢ ᠰᠠᠶᠢᠳᠤᠷ ᠬᠢᠨ᠎ᠡ᠃ ᠡᠷᠡᠬᠦᠯ ᠬᠠᠮᠠᠭᠠᠯᠠᠯ ᠤᠨ | ᠦᠢᠯᠡᠴᠢᠯᠡᠬᠡᠨ ᠤ ᠳᠤᠭᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠨ᠂ ᠦᠯᠵᠡᠢ᠂ ᠴᠤᠭᠳᠤᠬᠦ᠋ᠷᠢᠶ᠎ᠡ ᠵᠡᠷᠬᠡ | ᠦᠨᠳᠦᠰᠦᠨ ᠱᠠᠳᠤᠨ ᠤ ᠳᠦᠪ ᠡᠷᠡᠬᠦᠯ ᠬᠠᠮᠠᠭᠠᠯᠠᠯ ᠤᠨ ᠬᠤᠷᠢᠶᠠᠨ ᠤ ᠪᠦᠳᠦᠬᠡᠨ ᠪᠠᠶᠢᠭᠤᠯᠤᠯᠳᠠ ᠶᠢ | ᠴᠢᠩᠭᠠᠳᠬᠠᠨ᠎ᠠ᠃ ᠦᠨᠳᠦᠰᠦᠨ ᠡᠮᠨᠡᠯᠬᠡ ᠶᠢᠨ ᠪᠠᠳᠤᠯᠠᠭ᠎ᠠ ᠪᠠ ᠦᠨᠳᠦᠰᠦᠨ ᠡᠮ ᠤᠨ ᠵᠦᠢᠯᠡᠰ ᠤᠨ ᠳᠦᠷᠢᠮ ᠤᠨ | ᠪᠠᠶᠢᠭᠤᠯᠤᠯᠳᠠ ᠶᠢ ᠳᠦᠷᠬᠡᠳᠬᠡᠨ᠎ᠡ᠃ ᠬᠦᠮᠦᠨ ᠠᠮᠠ ᠬᠢᠬᠡᠳ ᠳᠦᠯᠦᠪᠯᠡᠬᠡᠳᠤ ᠬᠦᠩᠬᠡᠵᠢᠯ ᠤᠨ ᠠᠵᠢᠯ ᠢ | ᠦᠷᠬᠦᠯᠵᠢᠯᠡᠨ ᠰᠠᠶᠢᠳᠤᠷ ᠠᠳᠬᠤᠵᠤ᠂ ᠭᠠᠭᠴᠠ ᠬᠡᠦᠬᠡᠳ ᠲᠠᠢ ᠬᠡᠷ ᠪᠦᠯᠢ ᠶᠢᠨ ᠬᠡᠦᠬᠡᠳ ᠦᠬᠦᠵᠤ | ᠰᠢᠷᠬᠠᠳᠤᠭᠰᠠᠨ ᠪᠠᠶᠢᠳᠠᠯ ᠳᠤ ᠳᠡᠮᠵᠢᠨ ᠳᠤᠰᠠᠯᠠᠵᠤ ᠨᠦᠬᠦᠪᠦᠷᠢ ᠤᠯᠭᠤᠬᠤ ᠳᠦᠷᠢᠮ ᠢ ᠬᠡᠷᠡᠭᠵᠢᠬᠦᠯᠦᠨ᠎ᠡ᠃ | ᠨᠡᠶᠢᠬᠡᠮ ᠤᠨ ᠠᠮᠤᠷ ᠳᠦᠪᠰᠢᠨ ᠤ ᠰᠡᠷᠬᠡᠶᠢᠯᠡᠨ ᠡᠵᠡᠮᠰᠢᠬᠦ ᠰᠢᠰᠲ᠋ᠧᠮ ᠢ ᠳᠡᠬᠦᠯᠳᠡᠷᠵᠢᠬᠦᠯᠵᠤ᠂ ᠠᠮᠤᠷ | ᠳᠤᠭᠳᠠᠭᠤᠨ ᠠᠯᠠᠱᠠ ᠵᠡᠬᠦᠨ ᠬᠤᠰᠢᠭᠤᠨ ᠤ ᠪᠠᠶᠢᠭᠤᠯᠤᠯᠳᠠ ᠶᠢ ᠬᠦᠨᠵᠡᠬᠡᠶᠢᠷᠡᠬᠦᠯᠦᠨ᠎ᠡ᠃ ᠡᠬᠢ ᠪᠠᠶᠠᠯᠢᠭ ᠢ | ᠨᠡᠬᠡᠬᠡᠨ ᠬᠦᠭᠵᠢᠬᠦᠯᠬᠦ᠂ ᠠᠵᠤ ᠠᠬᠤᠶᠢᠯᠠᠯ ᠤᠨ ᠠᠵᠢᠯᠳᠠᠨ ᠬᠡᠷᠡᠭᠯᠡᠬᠦ᠂ ᠭᠠᠵᠠᠷ ᠳᠠᠳᠠᠪᠤᠷᠢᠯᠠᠵᠤ ᠨᠤᠷᠠᠭᠠᠵᠤ | ᠨᠡᠬᠦᠯᠬᠡᠬᠦ ᠵᠡᠷᠬᠡ ᠤᠯᠠᠨ ᠨᠡᠶᠢᠳᠡ ᠶᠢᠨ ᠴᠢᠨᠠᠷᠳᠠᠢ ᠬᠡᠷᠡᠭ ᠶᠡᠪᠤᠳᠠᠯ ᠠᠮᠠᠷᠬᠠᠨ ᠡᠬᠦᠰᠬᠦ ᠰᠡᠷᠬᠡᠭ ᠠᠰᠠᠭᠤᠳᠠᠯ ᠢ | ᠨᠢᠭᠳᠠ ᠠᠩᠬᠠᠷᠴᠤ᠂ ᠡᠯ᠎ᠡ ᠵᠦᠢᠯ ᠤᠨ ᠵᠦᠷᠢᠴᠡᠯ ᠵᠢᠭᠤᠷᠠᠯᠳᠤᠭᠠᠨ ᠢ ᠦᠨᠡᠨᠬᠦ ᠦᠨᠳᠦᠰᠦᠨ ᠱᠠᠳᠤᠨ ᠳᠤ ᠪᠠᠶᠢᠬᠤ | ᠳᠤᠨᠢ ᠰᠢᠢᠳᠪᠦᠷᠢᠯᠡᠵᠤ᠂ ᠡᠬᠦᠰᠬᠦ ᠠᠴᠠ ᠨᠢ ᠤᠷᠢᠳ ᠠᠷᠢᠯᠭᠠᠬᠤ ᠬᠡᠷᠡᠭᠳᠡᠢ᠃ ᠠᠭᠤᠷᠬᠠᠢ ᠶᠢᠨ ᠡᠬᠢ ᠪᠠᠶᠠᠯᠢᠭ ᠢ | ᠨᠡᠬᠡᠬᠡᠨ ᠬᠦᠭᠵᠢᠬᠦᠯᠬᠦ ᠡᠮᠬᠢ ᠵᠢᠷᠤᠮ ᠢ ᠴᠡᠭᠴᠡᠯᠡᠵᠤ ᠳᠦᠷᠢᠮᠵᠢᠬᠦᠯᠦᠨ᠂ ᠠᠭᠤᠷᠬᠠᠢ ᠶᠢᠨ ᠤᠷᠤᠨ ᠤ ᠠᠮᠢ ᠠᠬᠤᠢ | ᠶᠢᠨ ᠤᠷᠴᠢᠨ ᠲᠤᠭᠤᠷᠢᠨ ᠤ ᠬᠠᠮᠠᠭᠠᠯᠠᠯᠳᠠ ᠪᠠ ᠠᠷᠠᠳ ᠤᠨ ᠠᠮᠢᠳᠤᠷᠠᠯ ᠤᠨ ᠪᠠᠳᠤᠯᠠᠭ᠎ᠠ ᠶᠢ ᠴᠢᠩᠭᠠᠳᠬᠠᠨ᠎ᠠ᠃ | ᠠᠶᠤᠯᠬᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠠᠭᠤᠷᠬᠠᠢ᠂ | ᠠᠶᠤᠯᠳᠠᠢ ᠬᠢᠮᠢ ᠶᠢᠨ ᠡᠳ᠋᠂ ᠵᠠᠮ ᠬᠠᠷᠢᠯᠴᠠᠭ᠎ᠠ᠂ ᠪᠠᠷᠢᠯᠭ᠎ᠠ ᠶᠢᠨ ᠤᠭᠰᠠᠷᠠᠯᠳᠠ᠂ ᠭᠠᠯ ᠢ ᠰᠡᠷᠬᠡᠶᠢᠯᠡᠬᠦ ᠵᠡᠷᠬᠡ | ᠭᠤᠤᠯᠳᠠᠯᠭ᠎ᠠ ᠲᠠᠢ ᠬᠦᠷᠢᠶᠠᠨ ᠤ ᠠᠮᠤᠷ ᠳᠦᠪᠰᠢᠨ ᠢ ᠬᠢᠨᠠᠨ ᠡᠵᠡᠮᠰᠢᠬᠦ᠂ ᠳᠠᠯᠳᠠ ᠭᠡᠮ ᠢ ᠨᠠᠷᠢᠨ ᠪᠠᠶᠢᠴᠠᠭᠠᠬᠤ | ᠪᠠ ᠵᠠᠰᠠᠵᠤ ᠴᠡᠭᠴᠡᠯᠡᠬᠦ ᠶᠢ ᠰᠠᠶᠢᠳᠤᠷ ᠬᠢᠵᠤ᠂ ᠬᠦᠨᠳᠤ ᠤᠨᠴᠠ ᠶᠡᠭᠡ ᠠᠮᠤᠷ ᠳᠦᠪᠰᠢᠨ ᠤ ᠬᠡᠨᠡᠳᠡᠯ ᠭᠠᠷᠬᠤ ᠶᠢ | ᠡᠷᠡᠰ ᠬᠤᠷᠢᠭᠯᠠᠨ᠎ᠠ᠃ ᠢᠳᠡᠬᠡᠨ ᠤ ᠵᠦᠢᠯᠡᠰ ᠪᠠ ᠡᠮ ᠤᠨ ᠵᠦᠢᠯᠡᠰ ᠤᠨ ᠠᠮᠤᠷ ᠳᠦᠪᠰᠢᠨ ᠤ ᠬᠢᠨᠠᠯᠳᠠ | ᠬᠠᠮᠢᠶᠠᠷᠤᠯᠳᠠ ᠶᠢᠨ ᠬᠦᠴᠦᠯᠡᠴᠡ ᠪᠠᠨ ᠶᠡᠬᠡᠰᠬᠡᠵᠤ᠂ ᠬᠡᠨᠡᠳᠳᠡ ᠶᠢᠨ ᠴᠢᠨᠠᠷᠳᠠᠢ ᠨᠡᠶᠢᠳᠡ ᠶᠢᠨ ᠡᠷᠡᠬᠦᠯ ᠬᠠᠮᠠᠭᠠᠯᠠᠯ | ᠤᠨ ᠬᠡᠷᠡᠭ ᠶᠠᠪᠤᠳᠠᠯ ᠤᠨ ᠳᠠᠯᠳᠠ ᠬᠡᠮ ᠢ ᠢᠳᠡᠪᠬᠢᠳᠡᠢ ᠦᠬᠡᠶᠢᠰᠬᠢᠨ᠂ ᠤᠯᠠᠨ ᠳᠦᠮᠡᠨ ᠤ ᠡᠷᠡᠬᠦᠯ ᠮᠡᠨᠳᠤ ᠶᠢᠨ | ᠠᠮᠤᠷ ᠳᠦᠪᠰᠢᠨ ᠢ ᠪᠠᠳᠤᠯᠠᠨ᠎ᠠ᠃ ᠵᠠᠬ᠎ᠠ ᠳᠡᠯᠬᠡᠬᠦᠷ ᠤᠨ ᠦᠨ᠎ᠡ ᠬᠠᠩᠰᠢ ᠶᠢᠨ ᠡᠳᠦᠷ ᠳᠤᠳᠤᠮ ᠤᠨ ᠬᠢᠨᠠᠯᠳᠠ | ᠬᠠᠮᠢᠶᠠᠷᠤᠯᠳᠠ ᠪᠠᠨ ᠴᠢᠩᠭᠠᠳᠬᠠᠨ᠂ ᠵᠠᠬ᠎ᠠ ᠳᠡᠯᠬᠡᠬᠦᠷ ᠤᠨ ᠦᠨ᠎ᠡ ᠬᠠᠩᠰᠢ ᠶᠢᠨ ᠬᠡᠪ ᠤᠨ ᠪᠤᠰᠤ | ᠬᠡᠯᠪᠡᠯᠵᠡᠯᠳᠡ ᠶᠢ ᠰᠡᠷᠬᠡᠶᠢᠯᠡᠨ᠎ᠡ᠃《 ᠵᠢᠷᠭᠤᠳᠤᠭᠠᠷ ᠳᠠᠪᠤᠨ ᠵᠢᠯ 》 ᠤᠨ ᠬᠠᠤᠯᠢ ᠳᠦᠬᠡᠮᠡᠯᠵᠢᠬᠦᠯᠦᠯᠳᠡ ᠶᠢ ᠪᠦᠬᠦ | ᠳᠠᠯ᠎ᠠ ᠪᠠᠷ ᠬᠡᠷᠡᠭᠵᠢᠬᠦᠯᠵᠤ᠂ ᠪᠦᠬᠦ ᠨᠡᠶᠢᠬᠡᠮ ᠤᠨ ᠬᠠᠤᠯᠢ ᠶᠢ ᠰᠤᠷᠤᠯᠴᠠᠵᠤ᠂ ᠬᠠᠤᠯᠢ ᠶᠢ ᠬᠦᠨᠳᠦᠳᠬᠡᠨ᠂ | ᠬᠠᠤᠯᠢ ᠶᠢ ᠰᠠᠬᠢᠵᠤ᠂ ᠬᠠᠤᠯᠢ ᠶᠢ ᠬᠡᠷᠡᠭᠯᠡᠬᠦ ᠤᠬᠠᠮᠰᠠᠷ ᠢ ᠳᠡᠬᠡᠭᠰᠢᠯᠡᠬᠦᠯᠦᠨ᠎ᠡ᠃ ᠭᠠᠴᠠᠭ᠎ᠠ ᠳᠤᠰᠬᠤᠨ᠂ ᠨᠡᠶᠢᠬᠡᠮ | ᠳᠤᠭᠤᠷᠢᠭ ᠤᠨ ᠦᠨᠳᠦᠰᠦᠨ ᠵᠤᠬᠢᠶᠠᠨ ᠪᠠᠶᠢᠭᠤᠯᠤᠯᠳᠠ ᠶᠢᠨ ᠴᠤᠭᠴᠠᠯᠠᠯᠳᠠ ᠶᠢ ᠴᠢᠩᠭᠠᠳᠬᠠᠨ᠂ ᠦᠨᠳᠦᠰᠦᠨ | ᠱᠠᠳᠤᠨ ᠤ ᠵᠠᠷᠤᠳᠠᠯ ᠤᠨ ᠤᠷᠤᠭᠤᠯᠤᠯᠳᠠ ᠶᠢᠨ ᠬᠦᠴᠦᠯᠡᠴᠡ ᠪᠠᠨ ᠤᠯᠠᠮ ᠶᠡᠬᠡᠰᠬᠡᠵᠤ᠂ ᠭᠠᠴᠠᠭ᠎ᠠ ᠳᠤᠰᠬᠤᠨ ᠤ | ᠺᠠᠳ᠋ᠷᠴᠣᠳ᠂ ᠨᠡᠶᠢᠬᠡᠮ ᠳᠤᠭᠤᠷᠢᠭ ᠤᠨ ᠠᠷᠠᠳ ᠠᠴᠠ ᠰᠤᠩᠭᠤᠭᠰᠠᠨ ᠡᠷᠬᠢᠯᠡᠭᠴᠢ ᠶᠢᠨ ᠴᠠᠯᠢᠩ ᠢ ᠭᠡᠪ ᠤᠨ | ᠶᠤᠰᠤᠭᠠᠷ ᠨᠡᠮᠡᠭᠳᠡᠬᠦᠯᠬᠦ ᠳᠤᠭᠳᠠᠴᠠ ᠶᠢ ᠪᠠᠶᠢᠭᠤᠯᠤᠨ᠎ᠠ᠃ ᠦᠨᠳᠦᠰᠦᠨ ᠱᠠᠳᠤᠨ ᠤ ᠬᠠᠮᠢᠶᠠᠷᠤᠯᠳᠠ ᠪᠠ | ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠶᠡᠭᠡ ᠬᠦᠴᠦᠨ ᠢᠶᠠᠷ ᠴᠢᠩᠭᠠᠳᠬᠠᠵᠤ᠂ ᠨᠡᠶᠢᠬᠡᠮ | ᠳᠤᠭᠤᠷᠢᠭ ᠤᠨ ᠳᠤᠭᠠᠴᠢᠯᠠᠭᠰᠠᠨ ᠢᠨᠵᠧᠨᠧᠷᠢᠩ ᠢ ᠬᠡᠷᠡᠭᠵᠢᠬᠦᠯᠵᠤ᠂ ᠦᠨᠳᠦᠰᠦᠨ ᠱᠠᠳᠤᠨ ᠤ ᠵᠤᠬᠢᠶᠠᠨ | ᠪᠠᠶᠢᠭᠤᠯᠤᠯᠳᠠ ᠪᠠ ᠨᠡᠶᠢᠬᠡᠮ ᠤᠨ ᠬᠦᠴᠦᠨ ᠬᠠᠷᠢᠯᠴᠠᠨ ᠬᠤᠯᠪᠤᠭᠠᠯᠠᠭᠰᠠᠨ᠂ ᠬᠠᠷᠢᠯᠴᠠᠨ ᠨᠦᠬᠦᠪᠦᠷᠢᠯᠡᠭᠰᠡᠨ᠂ | ᠬᠠᠷᠢᠯᠴᠠᠨ ᠦᠢᠯᠡᠳᠦᠯᠴᠡᠭᠰᠡᠨ ᠳᠤᠤᠷ ᠰᠦᠯᠵᠢᠶᠡᠵᠢᠭᠰᠡᠨ ᠨᠡᠶᠢᠬᠡᠮ ᠤᠨ ᠬᠠᠮᠢᠶᠠᠷᠤᠯᠳᠠ ᠶᠢᠨ ᠪᠠᠶᠢᠳᠠᠯ ᠢ ᠪᠤᠢ | ᠪᠤᠯᠭᠠᠨ᠎ᠠ᠃ ᠵᠠᠰᠠᠭ ᠤᠨ ᠤᠷᠳᠤᠨ ᠤ ᠶᠡᠷᠦᠩᠬᠡᠶᠢᠯᠡᠭᠰᠡᠨ ᠪᠠᠴᠢᠮ ᠢ ᠠᠷᠭᠠᠴᠠᠭᠠᠬᠤ ᠳᠠᠪᠴᠠᠩ ᠤᠨ | ᠪᠠᠶᠢᠭᠤᠯᠤᠯᠳᠠ ᠶᠢ ᠳᠦᠷᠬᠡᠳᠬᠡᠨ᠂ ᠭᠠᠮᠰᠢᠭ ᠢ ᠰᠡᠷᠬᠡᠶᠢᠯᠡᠵᠤ ᠪᠠᠭᠠᠰᠬᠠᠬᠤ ᠪᠠᠴᠢᠮ ᠢ ᠠᠷᠭᠠᠴᠠᠭᠠᠬᠤ ᠮᠡᠳᠡᠭᠡ | ᠴᠢᠮᠡᠭᠡ ᠶᠢ ᠨᠡᠶᠢᠳᠡᠯᠡᠬᠦ ᠢᠨᠵᠧᠨᠧᠷᠢᠩ ᠢ ᠬᠡᠷᠡᠭᠵᠢᠬᠦᠯᠦᠨ᠎ᠡ᠃ ᠳᠤᠤᠷ ᠰᠦᠯᠵᠢᠶᠡᠨ ᠳᠠᠬᠢ ᠶᠠᠷᠢᠶ᠎ᠠ ᠬᠡᠯᠡᠯᠴᠡᠬᠡᠨ ᠤ | ᠪᠠᠶᠢᠳᠠᠯ ᠤᠨ ᠬᠢᠨᠠᠨ ᠪᠠᠶᠢᠴᠠᠭᠠᠯᠳᠠ᠂ ᠰᠤᠳᠤᠯᠤᠨ ᠮᠠᠭᠠᠳᠯᠠᠯᠳᠠ ᠶᠢ ᠰᠠᠶᠢᠳᠤᠷ ᠬᠢᠵᠤ᠂ ᠠᠶᠤᠯ ᠳᠦᠭᠰᠢᠬᠦᠷᠢ ᠶᠢ | ᠰᠢᠢᠳᠪᠦᠷᠢᠯᠡᠬᠦ ᠪᠠ ᠨᠡᠶᠢᠳᠡ ᠶᠢᠨ ᠬᠠᠮᠢᠶᠠᠷᠤᠯᠳᠠ ᠶᠢᠨ ᠴᠢᠳᠠᠪᠤᠷᠢ ᠶᠢ ᠳᠡᠬᠡᠭᠰᠢᠯᠡᠬᠦᠯᠦᠨ᠎ᠡ᠃ ᠴᠡᠷᠢᠭ ᠠᠩᠬᠢ ᠪᠠ | ᠬᠢᠯᠢ ᠶᠢᠨ ᠪᠠᠳᠤᠯᠠᠨ ᠬᠠᠮᠠᠭᠠᠯᠠᠯᠳᠠ ᠶᠢᠨ ᠪᠠᠶᠢᠭᠤᠯᠤᠯᠳᠠ ᠶᠢ ᠳᠡᠮᠵᠢᠵᠤ᠂ ᠴᠡᠷᠢᠭ ᠢᠶᠠᠨ ᠬᠦᠷᠢᠶᠡᠯᠡᠨ ᠬᠡᠷ ᠪᠦᠯᠢ | ᠶᠢ ᠨᠢ ᠬᠠᠷᠠᠭᠠᠯᠵᠠᠬᠤ᠂ ᠵᠠᠰᠠᠭ ᠢᠶᠠᠨ ᠬᠦᠷᠢᠶᠡᠯᠡᠨ ᠠᠷᠠᠳ ᠢᠶᠠᠨ ᠬᠠᠶᠢᠷᠠᠯᠠᠬᠤ ᠠᠵᠢᠯ ᠢ ᠰᠠᠶᠢᠳᠤᠷ ᠬᠢᠨ᠎ᠡ᠃ | ᠳᠦᠯᠦᠬᠡᠯᠡᠭᠴᠢᠳ ᠡ᠂ ᠰᠢᠨ᠎ᠡ ᠪᠠᠶᠢᠳᠠᠯ᠂ ᠰᠢᠨ᠎ᠡ ᠡᠬᠦᠷᠬᠡ ᠨᠢ ᠰᠢᠨ᠎ᠡ ᠨᠢᠬᠡ ᠬᠤᠭᠤᠴᠠᠭᠠᠨ ᠤ ᠵᠠᠰᠠᠭ ᠤᠨ | ᠤᠷᠳᠤᠨ ᠤ ᠠᠵᠢᠯ ᠳᠤ ᠰᠢᠨ᠎ᠡ ᠪᠠᠷ ᠨᠡᠩ ᠦᠨᠳᠦᠷ ᠱᠠᠭᠠᠷᠳᠠᠯᠭ᠎ᠠ ᠳᠠᠯᠪᠢᠭᠰᠠᠨ ᠪᠠᠶᠢᠨ᠎ᠠ᠃ ᠪᠢᠳᠡᠨ ᠤ ᠡᠬᠦᠷᠬᠡ | ᠨᠡᠩ ᠬᠦᠨᠳᠤ᠂ ᠬᠠᠷᠢᠭᠤᠴᠠᠯᠭ᠎ᠠ ᠨᠡᠩ ᠶᠡᠭᠡ ᠪᠠᠶᠢᠭ᠎ᠠ ᠶᠤᠮ᠃ ᠪᠢᠳ᠋ᠨ ᠦᠵᠡᠯ ᠰᠠᠨᠠᠭ᠎ᠠ ᠪᠠᠨ ᠦᠷᠬᠦᠯᠵᠢᠯᠡᠨ | ᠴᠢᠯᠦᠬᠡᠯᠡᠵᠤ᠂ ᠰᠢᠨ᠎ᠡ ᠶᠢ ᠡᠬᠦᠳᠦᠨ ᠤᠷᠤᠭᠰᠢᠯᠠᠵᠤ᠂ ᠵᠠᠰᠠᠭ ᠤᠨ ᠤᠷᠳᠤᠨ ᠤ ᠦᠪᠡᠷ ᠪᠡᠶ᠎ᠡ ᠶᠢᠨ | ᠪᠠᠶᠢᠭᠤᠯᠤᠯᠳᠠ ᠪᠠᠨ ᠳᠠᠰᠤᠷᠠᠯᠳᠠ ᠦᠬᠡᠢ ᠴᠢᠩᠭᠠᠳᠬᠠᠨ᠂ ᠴᠤ᠋ ᠰᠢᠨ᠎ᠡ ᠳᠦᠷᠢ ᠪᠠᠶᠢᠳᠠᠯ ᠢᠶᠠᠷ ᠰᠢᠨ᠎ᠡ ᠠᠶᠠᠨ ᠢᠶᠠᠨ | ᠰᠠᠶᠢᠳᠤᠷ ᠡᠬᠢᠯᠡᠬᠦᠯᠦᠨ᠎ᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠯᠠᠪᠳᠠᠭᠤᠨ ᠢᠶᠠᠷ ᠠᠬᠢᠭᠤᠯᠤᠨ᠎ᠠ᠃ | ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ | ᠴᠠᠭᠠᠵᠠ ᠶᠢᠨ ᠬᠢᠨᠠᠯᠳᠠ᠂ ᠠᠵᠢᠯ ᠤᠨ ᠬᠢᠨᠠᠯᠳᠠ ᠪᠠ ᠤᠯᠤᠰ ᠳᠦᠷᠦ ᠶᠢᠨ ᠵᠦᠪᠯᠡᠯᠬᠡᠨ ᠤ ᠠᠷᠠᠳᠴᠢᠯᠠᠯ ᠤᠨ | ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠤᠨ | ᠳᠦᠯᠦᠬᠡᠯᠡᠭᠴᠢᠳ ᠤᠨ ᠰᠠᠨᠠᠭᠤᠯᠭ᠎ᠠ᠂ ᠵᠦᠪᠯᠡᠯᠬᠡ ᠪᠠ ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠤᠨ | ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠨ᠎ᠡ᠃ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ | ᠤ ᠬᠤᠯᠪᠤᠭ᠎ᠠ ᠪᠠ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ ᠦᠷᠬᠡᠨ ᠳᠡᠯᠬᠡᠷ ᠢᠶᠠᠷ ᠬᠦᠯᠢᠶᠡᠨ ᠰᠤᠨᠤᠰᠴᠤ | ᠂ ᠰᠤᠨᠢᠨ ᠮᠡᠳᠡᠬᠡᠨ ᠤ ᠶᠠᠷᠢᠶ᠎ᠠ ᠬᠡᠯᠡᠯᠴᠡᠭᠡ ᠪᠠ ᠨᠡᠶᠢᠬᠡᠮ ᠨᠡᠶᠢᠳᠡ ᠶᠢᠨ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ | ᠬᠦᠯᠢᠶᠡᠨ᠎ᠡ᠃ ᠡᠯᠧᠺᠲᠷᠤᠨ ᠵᠠᠰᠠᠭ ᠤᠨ ᠶᠠᠪᠤᠳᠠᠯ ᠤᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ | ᠤᠷᠳᠤᠨ ᠤ ᠮᠡᠳᠡᠭᠡ ᠵᠠᠩᠭᠢ ᠶᠢ ᠬᠠᠤᠯᠢ ᠶᠤᠰᠤᠭᠠᠷ ᠢᠯᠡ ᠪᠤᠯᠭᠠᠨ᠎ᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠬᠦᠯᠬᠦ ᠬᠠᠷᠢᠭᠤᠴᠠᠯᠭ᠎ᠠ ᠶᠢᠨ ᠳᠦᠷᠢᠮ ᠢ ᠦᠷᠬᠦᠯᠵᠢᠯᠡᠨ ᠬᠡᠷᠡᠭᠵᠢᠬᠦᠯᠵᠤ᠂ ᠵᠠᠰᠠᠭ ᠵᠠᠬᠢᠷᠭᠠᠨ ᠤ ᠬᠠᠤᠯᠢ | ᠬᠡᠷᠡᠭᠵᠢᠯᠳᠡ ᠶᠢᠨ ᠬᠢᠨᠠᠯᠳᠠ ᠶᠢ ᠴᠢᠩᠭᠠᠳᠬᠠᠨ᠂ ᠴᠢᠬᠤᠯᠠ ᠶᠡᠭᠡ ᠵᠠᠰᠠᠭ ᠵᠠᠬᠢᠷᠭᠠᠨ ᠤ ᠶᠠᠪᠤᠳᠠᠯ ᠳᠤ | ᠰᠢᠢᠳᠪᠦᠷᠢᠳᠤ ᠪᠤᠳᠤᠯᠭ᠎ᠠ ᠲᠤᠭᠳᠠᠭᠠᠬᠤ ᠳᠤᠭᠳᠠᠴᠠ ᠶᠢ ᠪᠤᠢ ᠪᠤᠯᠭᠠᠨ᠂ ᠬᠠᠤᠯᠢ ᠶᠤᠰᠤᠭᠠᠷ ᠰᠢᠢᠳᠪᠦᠷᠢᠳᠤ | ᠪᠤᠳᠤᠯᠭ᠎ᠠ ᠲᠤᠭᠳᠠᠭᠠᠬᠤ ᠪᠠ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠤ ᠪᠤᠳᠤᠯᠭ᠎ᠠ ᠲᠤᠭᠳᠠᠭᠠᠬᠤ ᠳᠦᠪᠰᠢᠨ ᠢ | ᠳᠡᠬᠡᠭᠰᠢᠯᠡᠬᠦᠯᠦᠨ᠎ᠡ᠃ ᠬᠡᠪ ᠰᠤᠷᠳᠠᠯ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ᠦᠨᠳᠦᠰᠦᠨ ᠱᠠᠳᠤᠨ | ᠳᠤ ᠤᠴᠢᠵᠤ᠂ ᠠᠷᠠᠳ ᠤᠨ ᠪᠠᠶᠢᠳᠠᠯ ᠢ ᠰᠤᠷᠪᠤᠯᠵᠢᠯᠠᠨ᠂ ᠪᠤᠳᠠᠳᠠᠢ ᠶᠠᠪᠤᠳᠠᠯ ᠬᠢᠬᠦ ᠠᠵᠢᠯᠯᠠᠭ᠎ᠠ ᠶᠢ ᠬᠦᠨᠵᠡᠬᠡᠢ | ᠦᠷᠨᠢᠬᠦᠯᠦᠨ᠂ ᠤᠯᠠᠨ ᠳᠦᠮᠡᠨ ᠤ ᠠᠰᠢᠭ ᠳᠤᠰᠠ ᠶᠢ ᠬᠡᠵᠢᠶᠡᠳᠡ ᠳᠡᠷᠢᠬᠦᠨ ᠪᠠᠶᠢᠷᠢᠨ ᠳᠤ ᠳᠠᠯᠪᠢᠵᠤ᠂ ᠦᠵᠡᠯ | ᠰᠠᠨᠠᠭᠠᠨ ᠤ ᠳᠠᠯ᠎ᠠ ᠪᠠᠷ ᠤᠯᠠᠨ ᠳᠦᠮᠡᠨ ᠢ ᠬᠦᠨᠳᠦᠳᠬᠡᠨ᠂ ᠰᠡᠳᠬᠢᠯᠬᠡ ᠶᠢᠨ ᠳᠠᠯ᠎ᠠ ᠪᠠᠷ ᠤᠯᠠᠨ ᠳᠦᠮᠡᠨ ᠲᠠᠢ | ᠤᠶᠢᠷᠠᠳᠤᠵᠤ᠂ ᠠᠵᠢᠯ ᠤᠨ ᠳᠠᠯ᠎ᠠ ᠪᠠᠷ ᠤᠯᠠᠨ ᠳᠦᠮᠡᠨ ᠢ ᠳᠦᠰᠢᠭᠯᠡᠵᠤ᠂ ᠤᠯᠠᠨ ᠳᠦᠮᠡᠨ ᠤ ᠰᠡᠳᠬᠢᠯ ᠳᠤ | ᠬᠠᠨᠤᠮᠵᠢᠳᠡᠢ ᠰᠠᠶᠢᠨ ᠤᠴᠢᠷ ᠪᠤᠳᠠᠳᠠᠢ ᠤᠴᠢᠷ ᠢ ᠠᠯᠢ ᠤᠯᠠᠨ ᠬᠢᠨ᠎ᠡ᠃ ᠬᠢᠵᠠᠭᠠᠷᠳᠠᠢ ᠪᠡᠯᠡ ᠮᠦᠩᠬᠦ ᠪᠠ ᠡᠳ᠋ | ᠤᠨ ᠬᠦᠴᠦᠨ ᠪᠤᠳᠠᠰ ᠤᠨ ᠬᠦᠴᠦᠨ ᠢ ᠦᠨᠡᠨᠬᠦ ᠠᠵᠤ ᠠᠬᠤᠢ ᠶᠢ ᠬᠦᠭᠵᠢᠬᠦᠯᠬᠦ ᠪᠠ ᠠᠷᠠᠳ ᠤᠨ ᠠᠮᠢᠳᠤᠷᠠᠯ | ᠢ ᠰᠠᠶᠢᠵᠢᠷᠠᠭᠤᠯᠬᠤ ᠳᠤ ᠬᠡᠷᠡᠭᠯᠡᠨ᠎ᠡ᠃ ᠨᠠᠮ ᠤᠨ ᠳᠦᠪ ᠬᠤᠷᠢᠶᠠᠨ ᠤ ᠠᠵᠢᠯ ᠤᠨ ᠰᠤᠷᠳᠠᠯ ᠢ ᠬᠠᠯᠠᠨ | ᠰᠠᠶᠢᠵᠢᠷᠠᠭᠤᠯᠬᠤ《 ᠨᠠᠢᠮᠠᠨ ᠳᠤᠭᠳᠠᠭᠠᠯ》 ᠪᠠ《 ᠬᠡᠷᠡᠭᠵᠢᠬᠦᠯᠬᠦ ᠨᠠᠷᠢᠨ ᠳᠦᠷᠢᠮ 》 ᠢ ᠬᠢᠨᠠᠮᠠᠭᠠᠢ | ᠨᠠᠶᠢᠳᠠᠪᠤᠷᠢᠵᠢᠭᠤᠯᠵᠤ᠂ ᠵᠤᠷᠢᠭᠳᠠᠢ ᠬᠠᠷᠢᠭᠤᠴᠠᠵᠤ ᠡᠬᠦᠷᠬᠡᠯᠡᠬᠦ ᠳᠤ ᠬᠦᠴᠦ ᠳᠠᠯᠪᠢᠨ᠂ ᠨᠢᠬᠡᠨᠳᠡ ᠳᠤᠭᠳᠠᠭᠰᠠᠨ | ᠤᠴᠢᠷ ᠢᠶᠠᠨ ᠭᠠᠪᠰᠢᠭᠠᠢ ᠳᠦᠷᠬᠡᠨ ᠬᠦᠳᠡᠯᠦᠯᠴᠡᠵᠦ᠂ ᠴᠢᠩᠭ᠎ᠠ ᠠᠳᠬᠤᠨ ᠬᠡᠷᠡᠭᠵᠢᠬᠦᠯᠵᠦ᠂ ᠨᠢᠬᠡᠨᠳᠡ | ᠪᠠᠶᠢᠷᠢᠯᠠᠭᠤᠯᠤᠭᠰᠠᠨ ᠠᠵᠢᠯ ᠢᠶᠠᠨ ᠡᠬᠢᠨ ᠠᠴᠠ ᠨᠢ ᠡᠴᠦᠰ ᠲᠤᠨᠢ ᠬᠦᠷᠳᠡᠯ᠎ᠡ ᠠᠳᠬᠤᠵᠤ᠂ ᠦᠷ᠎ᠡ ᠪᠦᠳᠦᠮᠵᠢ | ᠭᠠᠷᠭᠠᠨ᠎ᠠ᠃ ᠴᠢᠬᠡᠴᠢ ᠵᠠᠰᠠᠭ ᠤᠨ ᠪᠠᠶᠢᠭᠤᠯᠤᠯᠳᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠦᠨ᠎ᠡ᠃ ᠢᠯᠵᠢᠷᠠᠯ ᠢ | ᠵᠠᠯᠬᠠᠭᠠᠨ ᠰᠢᠳᠬᠡᠬᠦ ᠪᠠ ᠤᠷᠢᠳᠴᠢᠯᠠᠨ ᠰᠡᠷᠬᠡᠶᠢᠯᠡᠬᠦ ᠳᠤᠭᠳᠠᠯᠴᠠᠭᠠᠨ ᠤ ᠪᠠᠶᠢᠭᠤᠯᠤᠯᠳᠠ ᠶᠢ ᠬᠦᠨᠵᠡᠬᠡᠢ | ᠠᠬᠢᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠢ | ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠎ᠠ᠃ ᠭᠤᠤᠯᠳᠠᠯᠭ᠎ᠠ ᠲᠠᠢ ᠬᠦᠷᠢᠶ᠎ᠡ ᠬᠡᠪᠴᠢᠶᠡᠨ ᠳᠠᠬᠢ ᠡᠷᠬᠡ ᠶᠢᠨ ᠬᠢᠨᠠᠨ | ᠬᠠᠮᠢᠶᠠᠷᠤᠯᠳᠠ ᠶᠢ ᠴᠢᠩᠭᠠᠳᠬᠠᠨ᠂ ᠡᠬᠢ ᠦᠨᠳᠦᠰᠦ ᠠᠴᠠ ᠨᠢ ᠵᠠᠰᠠᠨ ᠴᠡᠭᠴᠡᠯᠡᠬᠦ ᠴᠢᠳᠠᠪᠤᠷᠢ ᠪᠠᠨ | ᠳᠡᠬᠡᠭᠰᠢᠯᠡᠬᠦᠯᠵᠤ᠂ ᠰᠠᠬᠢᠯᠭ᠎ᠠ ᠪᠠᠳᠤ ᠬᠠᠤᠯᠢ ᠳᠦᠷᠢᠮ ᠢ ᠵᠦᠷᠢᠴᠡᠬᠦ ᠠᠵᠢᠯᠯᠠᠭ᠎ᠠ ᠶᠢ ᠴᠢᠩᠭ᠎ᠠ ᠪᠠᠶᠢᠴᠠᠭᠠᠨ | ᠰᠢᠢᠳᠪᠦᠷᠢᠯᠡᠨ᠎ᠡ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ ᠪᠠ ᠬᠢᠨᠠᠨ ᠪᠤᠳᠤᠬᠤ ᠬᠢᠨᠠᠯᠳᠠ ᠶᠢ ᠴᠢᠩᠭᠠᠳᠬᠠᠨ᠂ | ᠰᠠᠯᠠᠭ᠎ᠠ ᠮᠦᠴᠢᠷ ᠪᠠ ᠠᠵᠢᠯ ᠳᠦᠷᠦᠯ ᠤᠨ ᠳᠦᠪ ᠪᠤᠰᠤ ᠰᠤᠷᠳᠠᠯ ᠢ ᠦᠨᠡᠨᠬᠦ ᠵᠠᠯᠠᠷᠠᠭᠤᠯᠵᠤ᠂ ᠭᠡᠪ ᠰᠣᠷᠳᠠᠯ | ᠲᠦᠪ ᠴᠢᠬᠡᠴᠢ ᠰᠠᠶᠢᠨ ᠰᠠᠶᠢᠬᠠᠨᠤᠷᠴᠢᠨ ᠲᠤᠭᠤᠷᠢᠨ ᠢ ᠪᠤᠢ ᠪᠤᠯᠭᠠᠨ᠎ᠠ᠃ | ᠳᠦᠯᠦᠭᠡᠯᠡᠭᠴᠢᠳ ᠡ᠂ ᠦᠩᠬᠡᠷᠡᠭᠰᠡᠨ ᠵᠠᠮ ᠢᠶᠠᠨ ᠡᠷᠬᠢᠨ ᠬᠠᠷᠠᠬᠤ ᠳᠤ᠂ ᠠᠮᠵᠢᠯᠳᠠ ᠪᠦᠳᠦᠬᠡᠯ ᠪᠢᠳᠡᠨ ᠢ | ᠵᠤᠷᠢᠭᠵᠢᠭᠤᠯᠵᠤ᠂ ᠢᠷᠡᠬᠡᠳᠦᠢ ᠪᠠᠨ ᠪᠠᠷᠠᠯᠠᠬᠤ ᠳᠤ᠂ ᠠᠤᠭ᠎ᠠ ᠦᠢᠯᠡᠰ ᠪᠢᠳᠡᠨ ᠢ ᠡᠷᠡᠯᠬᠡᠭᠯᠡᠨ ᠤᠷᠤᠭᠰᠢᠯᠠᠭᠤᠯᠤᠨ᠎ᠠ | ᠃ ᠪᠢᠳᠡᠨ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠠᠷᠠᠳ ᠳᠦᠮᠡᠨ ᠲᠠᠢ | ᠪᠦᠯᠬᠦᠮᠳᠡᠨ᠂ ᠠᠷᠠᠳ ᠳᠦᠮᠡᠨ ᠢ ᠳᠦᠰᠢᠭᠯᠡᠵᠤ᠂ ᠨᠡᠩ ᠦᠷᠬᠡᠨ ᠬᠠᠷᠠᠭ᠎ᠠ ᠪᠠᠷ ᠬᠦᠭᠵᠢᠯᠳᠡ ᠶᠢ ᠰᠦᠪᠡᠭᠴᠢᠯᠡᠨ᠂ | ᠨᠡᠩ ᠪᠠᠳᠠᠷᠠᠩᠭᠤᠢ ᠳᠡᠮᠡᠴᠡᠯ ᠤᠨ ᠵᠤᠷᠢᠭ ᠢᠶᠠᠷ ᠦᠷᠢᠰᠦᠯᠳᠦᠬᠡᠨ ᠢ ᠤᠭᠳᠤᠵᠤ᠂ ᠨᠡᠩ ᠰᠠᠶᠢᠨ ᠪᠤᠳᠠᠳᠠᠢ ᠶᠢ | ᠡᠷᠬᠢᠮᠯᠡᠬᠦ ᠠᠵᠢᠯ ᠤᠨ ᠰᠤᠷᠳᠠᠯ ᠢᠶᠠᠷ ᠬᠢᠴᠢᠶᠡᠨ ᠴᠢᠷᠮᠠᠶᠢᠵᠤ᠂ ᠡᠷᠳᠡᠮᠳᠡᠨ ᠪᠦᠬᠦᠨ ᠤ ᠤᠶᠤᠨ ᠪᠢᠯᠢᠭ ᠢ | ᠨᠢᠭᠳᠠᠷᠠᠭᠤᠯᠤᠨ᠂ ᠪᠠᠳᠤ ᠢᠳᠡᠬᠡᠯ ᠢ ᠪᠤᠢ ᠪᠤᠯᠭᠠᠵᠤ᠂ ᠰᠢᠷᠭᠠᠭᠤ ᠴᠢᠷᠮᠠᠶᠢᠯᠭ᠎ᠠ ᠪᠠᠷ ᠢᠶᠠᠨ ᠴᠢᠨᠡᠬᠡᠯᠢᠭ ᠨᠡᠶᠢᠬᠡᠮ ᠢ | ᠪᠦᠬᠦ ᠳᠠᠯ᠎ᠠ ᠪᠠᠷ ᠪᠦᠳᠦᠬᠡᠨ ᠪᠠᠶᠢᠭᠤᠯᠵᠤ᠂ ᠪᠠᠶᠠᠨ ᠴᠢᠨᠡᠬᠡᠯᠢᠭ᠂ ᠠᠷᠠᠳᠴᠢᠯᠠᠭᠰᠠᠨ᠂ ᠪᠤᠯᠪᠠᠰᠤᠨ᠂ ᠡᠶ᠎ᠡ | ᠨᠠᠶᠢᠷᠠᠮᠳᠠᠭᠤ ᠠᠯᠠᠱᠠ ᠵᠡᠬᠦᠨ ᠬᠤᠰᠢᠭᠤ ᠪᠠᠨ ᠪᠦᠳᠦᠬᠡᠨ ᠪᠠᠶᠢᠭᠤᠯᠬᠤ ᠶᠢᠨ ᠳᠦᠯᠦᠬᠡ ᠴᠢᠷᠮᠠᠶᠢᠨ ᠳᠡᠮᠡᠴᠡᠰᠦᠬᠡᠢ︕ | |