2013 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2020/9/25
《ᠵᠠᠰᠠᠭ ᠤᠨ ᠤᠷᠳᠤᠨ ᠤ ᠠᠵᠢᠯ ᠤᠨ ᠢᠯᠡᠳᠬᠡᠯ》 ᠳᠠᠬᠢ ᠲᠤᠰᠬᠠᠢ ᠨᠡᠷ᠎ᠡ ᠲᠤᠮᠢᠶ᠎ᠠ ᠪᠠ ᠲᠤᠪᠴᠢᠯᠠᠭᠰᠠᠨ ᠪᠢᠴᠢᠯᠬᠡ ᠶᠢᠨ ᠲᠠᠶᠢᠯᠪᠣᠷᠢ ᠵᠢᠴᠢ ᠭᠦᠢᠴᠡᠳᠬᠡᠬᠦ ᠲᠣᠭᠠᠨ ᠤ ᠪᠦᠷᠢᠳᠬᠡᠯ ᠤᠨ ᠠᠷᠭ᠎ᠠ ᠲᠦᠷᠦᠯ ᠤᠨ ᠲᠤᠬᠠᠢ ᠲᠤᠳᠤᠷᠬᠠᠶᠢᠯᠠᠯ1.ᠢᠯᠡᠳᠬᠡᠯ  ᠳᠤ ᠬᠤᠯᠪᠤᠭᠳᠠᠭᠰᠠᠨ ᠬᠦᠢᠴᠡᠳᠬᠡᠯ ᠲᠤᠭᠠᠨ  ᠤ ᠪᠦᠷᠢᠳᠬᠡᠯ  ᠤᠨ ᠠᠷᠭ᠎ᠠ ᠲᠦᠷᠦᠯ  ᠤᠨ ᠲᠤᠬᠠᠢ ᠲᠤᠳᠤᠷᠬᠠᠶᠢᠯᠠᠯ᠄ ᠪᠦᠬᠦ ᠪᠦᠷᠢᠳᠬᠡᠯ ᠲᠤᠭ᠎ᠠ ᠨᠢ ᠲᠤᠭ᠎ᠠ ᠪᠠᠷᠢᠮᠳᠠ ᠶᠢ ᠪᠦᠷᠢᠳᠬᠡᠬᠦ ᠦᠶ᠎ᠡ ᠳᠤ ᠠᠯᠠᠱᠠ ᠶᠢᠨ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ ᠲᠤᠭ᠎ᠠ ᠪᠠᠷᠢᠮᠳᠠ  ᠶᠢ ᠪᠠᠭᠳᠠᠭᠠᠭᠰᠠᠨ ᠬᠦᠢᠴᠡᠳᠭᠡᠭᠦ ᠲᠤᠭ᠎ᠠ ᠶᠢ ᠵᠢᠭᠠᠨ᠎ᠠ ᠃ ᠪᠦᠬᠦ ᠪᠦᠷᠢᠳᠬᠡᠯ ᠲᠤᠭ᠎ᠠ ᠲᠠᠢ ᠬᠠᠷᠠᠭᠠᠯᠵᠠᠭᠰᠠᠨ ᠨᠢ 《 ᠬᠤᠰᠢᠭᠤᠨ ᠤ ᠲᠤᠰ ᠱᠠᠳᠤᠨ ᠤ ᠲᠤᠭ᠎ᠠ ᠪᠠᠷᠢᠮᠳᠠ 》ᠪᠤᠯᠤᠨ᠎ᠠ᠃ ᠲᠡᠷᠤᠢ ᠠᠯᠠᠱᠠ ᠶᠢᠨ ᠠᠵᠤ ᠠᠬᠤᠢ ᠶᠢᠨ ᠨᠡᠭᠡᠭᠡᠯᠳᠠ ᠶᠢᠨ ᠤᠷᠤᠨ᠂ ᠬᠤᠶᠠᠷᠬᠤᠳᠳᠤᠭ ᠤᠨ ᠬᠦᠳᠡᠭᠡ ᠶᠢᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ  ᠲᠤᠭ᠎ᠠ ᠪᠠᠷᠢᠮᠳᠠ ᠶᠢ ᠪᠠᠭᠳᠠᠭᠠᠬᠤ ᠦᠬᠡᠢ ᠬᠦᠢᠴᠡᠳᠬᠡᠯ ᠲᠤᠭ᠎ᠠ ᠪᠤᠯᠤᠨ᠎ᠠ᠃ ᠵᠢᠱᠢᠯᠳᠠ ᠪᠠᠷ 2012 ᠤᠨ ᠳᠤ᠂ ᠪᠦᠬᠦ ᠬᠤᠰᠢᠭᠤᠨ ︵ᠪᠦᠬᠦ ᠪᠦᠷᠢᠳᠬᠡᠯ ᠲᠤᠭ᠎ᠠ︶ ᠤ ᠤᠷᠤᠨ ᠨᠤᠳᠤᠭ ᠤᠨ ᠦᠢᠯᠡᠳᠪᠦᠷᠢᠯᠡᠯ  ᠤᠨ ᠶᠡᠷᠦᠩᠬᠡᠢ ᠦᠷᠳᠡᠭ 357 ᠳ᠋ᠦᠩᠰᠢᠭᠤᠷ  ᠲᠦᠬᠦᠷᠢᠭ ᠲᠤ ᠬᠦᠷᠴᠦ᠂ 15% ᠪᠠᠷ ᠨᠡᠮᠡᠭᠳᠡᠪᠡ︔ ᠡᠳ᠋ ᠤᠨ ᠵᠠᠰᠠᠭ ᠤᠨ ᠤᠷᠤᠯᠭ᠎ᠠ   ᠶᠢ 44.3 ᠳ᠋ᠦᠩᠰᠢᠭᠤᠷ ᠲᠦᠭᠦᠷᠢᠭ  ᠢ ᠪᠡᠶᠡᠯᠡᠬᠦᠯᠦᠨ᠂ 17.7% ᠪᠠᠷ ᠨᠡᠮᠡᠭᠳᠡᠪᠡ︔ ᠨᠡᠶᠢᠬᠡᠮ ᠤᠨ ᠲᠤᠭᠳᠠᠮᠠᠯ ᠬᠦᠷᠦᠩᠭᠡ  ᠶᠢᠨ ᠤᠷᠤᠭᠤᠯᠤᠯᠳᠠ ᠶᠢ 195 ᠳ᠋ᠦᠡᠭᠰᠢᠭᠤᠷ ᠲᠦᠭᠦᠷᠢᠭ ᠪᠡᠶᠡᠯᠡᠬᠦᠯᠦᠨ᠂ 20% ᠪᠠᠷ ᠨᠡᠮᠡᠭᠳᠡᠪᠡ︔ ᠬᠤᠰᠢᠭᠤᠨ ᠤ ᠲᠤᠰ ᠱᠠᠳᠤᠨ ᠤ ᠳᠤᠭ᠎ᠠ ᠪᠠᠷᠢᠮᠳᠠ ᠨᠢ ᠵᠢᠱᠢᠯᠳᠠ ᠪᠠᠷ ᠤᠷᠤᠨ ᠨᠤᠳᠤᠭ ᠤᠨ  ᠦᠢᠯᠡᠳᠪᠦᠷᠢᠯᠡᠯ  ᠤᠨ ᠶᠡᠷᠦᠩᠬᠡᠢ ᠦᠷᠳᠡᠭ 154.8 ᠳ᠋ᠦᠩᠰᠢᠭᠤᠷ ᠲᠦᠬᠦᠷᠢᠭ ᠲᠤ ᠬᠦᠷᠴᠦ᠂ 15% ᠪᠠᠷ ᠨᠡᠮᠡᠭᠳᠡᠪᠡ︔ ᠡᠳ᠋ ᠤᠨ ᠵᠠᠰᠠᠭ ᠤᠨ ᠤᠷᠤᠯᠭ᠎ᠠ ᠶᠢ 25.8 ᠳ᠋ᠦᠩᠰᠢᠭᠤᠷ ᠲᠦᠭᠦᠷᠢᠭ ᠪᠡᠶᠡᠯᠡᠬᠦᠯᠦᠨ᠂ 21.4% ᠪᠠᠷ ᠨᠡᠮᠡᠭᠳᠡᠪᠡ︔ ᠨᠡᠶᠢᠬᠡᠮ  ᠤᠨ ᠲᠤᠭᠳᠠᠮᠠᠯ ᠬᠦᠷᠦᠩᠭᠡ ᠶᠢᠨ ᠤᠷᠤᠭᠤᠯᠤᠯᠳᠠ ᠶᠢ 102.5 ᠳ᠋ᠦᠡᠭᠰᠢᠭᠤᠷ ᠲᠦᠭᠦᠷᠢᠭ ᠪᠡᠶᠡᠯᠡᠬᠦᠯᠦᠨ᠂ 20%  ᠪᠠᠷ ᠨᠡᠮᠡᠭᠳᠡᠪᠡ︔ ᠡᠨᠡ ᠵᠢᠯ ᠤᠨ《ᠵᠠᠰᠠᠭ ᠤᠨ ᠤᠷᠳᠤᠨ ᠤ ᠠᠵᠢᠯ ᠤᠨ ᠢᠯᠡᠳᠬᠡᠯ》 ᠳᠤ ᠭᠡᠷᠡᠭᠯᠡᠭᠰᠡᠨ ᠲᠤᠭ᠎ᠠ ᠪᠠᠷᠢᠮᠳᠠ ᠨᠢ ᠪᠦᠷ ᠬᠤᠰᠢᠭᠤᠨ ᠤ ᠲᠤᠰ ᠱᠠᠳᠤᠨ ᠤ ᠲᠤᠭ᠎ᠠ ᠪᠠᠷᠢᠮᠳᠠ ᠪᠤᠯᠤᠨ᠎ᠠ᠃ 2. ᠠᠶᠢᠮᠠᠭ ᠤᠨ ᠨᠠᠮ ᠤᠨ ᠬᠤᠷᠢᠶ᠎ᠠ᠂ ᠵᠠᠬᠢᠷᠭᠠᠨ ᠤ《 ᠨᠢᠭᠡ ᠬᠤᠶᠠᠷ ᠬᠤᠶᠠᠷ ᠭᠤᠷᠪᠠ ᠲᠥᠷᠪᠡ》 ᠶᠢᠨ ᠬᠦᠭᠵᠢᠯᠳᠡ ᠶᠢᠨ ᠰᠡᠳᠬᠢᠴᠡ᠄ ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ᠂ ᠠᠷᠠᠳ ᠢᠶᠠᠨ ᠪᠠᠶᠠᠵᠢᠭᠤᠯᠵᠤ ᠠᠶᠢᠮᠠᠭ  ᠢᠶᠠᠨ ᠬᠦᠴᠦᠷᠬᠡᠭᠵᠢᠬᠦᠯᠬᠦ᠂ ᠡᠶ᠎ᠡ ᠨᠠᠶᠢᠷᠠᠮᠳᠠᠭᠤ ᠵᠤᠯ ᠵᠢᠷᠭᠠᠯᠳᠠᠢ ᠪᠠᠶᠢᠯᠭᠠᠬᠤ ᠭᠤᠤᠯ ᠰᠡᠳᠤᠪ ᠶᠢ ᠪᠠᠷᠢᠮᠳᠠᠯᠠᠵᠤ᠂ ᠠᠮᠢ ᠠᠬᠤᠢ ᠶᠢᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠦᠪᠰᠢᠨ  ᠤ ᠬᠤᠶᠠᠷ ᠬᠠᠯᠬᠠᠪᠴᠢ ᠶᠢ ᠪᠠᠶᠢᠭᠤᠯᠵᠤ᠂ ᠤᠰᠤ ᠲᠤᠳᠠᠮᠠᠭ ᠵᠠᠮ ᠬᠠᠷᠢᠯᠴᠠᠭ᠎ᠠ ᠳᠦᠬᠦᠮ ᠪᠤᠰᠤ ᠬᠤᠶᠠᠷ ᠶᠡᠭᠡ ᠬᠦᠴᠢᠷᠳᠡᠯ  ᠢ ᠪᠦᠬᠦ ᠬᠦᠴᠦ ᠪᠠᠷ ᠰᠢᠢᠳᠪᠦᠷᠢᠯᠡᠨ᠂ ᠭᠤᠷᠪᠠᠨ ᠠᠵᠤ ᠤᠶᠢᠯᠡᠰ ᠢ ᠨᠢᠬᠡᠳᠦᠯᠳᠡᠢ ᠲᠦᠯᠦᠪᠵᠢᠬᠦᠯᠵᠦ ᠬᠦᠭᠵᠢᠬᠦᠯᠦᠨ᠂ ᠪᠤᠯᠪᠠᠰᠤᠨ ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ᠂ ᠨᠡᠶᠢᠳᠡ ᠶᠢᠨ ᠦᠢᠯᠡᠴᠢᠯᠡᠭᠡᠨ ᠤ ᠰᠢᠰᠲ᠋ᠧᠮ ᠤᠨ ᠦᠨᠳᠦᠰᠦᠨ ᠪᠦᠳᠦᠬᠡᠨ ᠪᠠᠶᠢᠭᠤᠯᠤᠯᠳᠠ᠂ ᠰᠤᠶᠤᠯ ᠤᠨ ᠪᠠᠳᠠᠷᠠᠯ ᠬᠥᠭᠵᠢᠯᠳᠡ᠂ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠬᠦ ᠲᠥᠷᠪᠡᠨ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠪᠥᠭᠦ ᠲᠠᠯ᠎ᠠ ᠪᠠᠷ ᠲᠦᠯᠬᠢᠨ ᠠᠬᠢᠭᠤᠯᠵᠤ᠂ ᠴᠢᠨᠡᠭᠡᠯᠢᠭ ᠪᠤᠯᠪᠠᠰᠤᠨ ᠡᠶ᠎ᠡ ᠵᠤᠬᠢᠴᠠᠩᠭᠤᠢ ᠠᠯᠠᠱᠠ ᠶᠢ ᠲᠦᠷᠬᠡᠳᠬᠡᠨ ᠪᠥᠲᠥᠬᠡᠨ ᠪᠠᠶᠢᠭᠤᠯᠤᠨ᠎ᠡ᠃3. ᠲᠠᠪᠤ ᠶᠢ ᠨᠢᠬᠡ ᠴᠤᠭᠴᠠᠵᠢᠭᠤᠯᠬᠤ᠄ ᠨᠠᠮ  ᠤᠨ ᠠᠷᠪᠠᠨ ᠨᠡᠢᠮᠠᠳᠤᠭᠠᠷ ᠶᠡᠭᠡ ᠬᠤᠷᠠᠯ  ᠤᠨ ᠮᠡᠳᠡᠬᠦᠯᠦᠯᠳᠡ  ᠶᠢᠨ《 ᠰᠢᠨ᠎ᠡ  ᠲᠤᠷᠠᠳᠤᠯᠭ᠎ᠠ》 ᠶᠢᠨ ᠨᠢᠬᠡ ᠨᠢ ᠪᠤᠯᠤᠨ᠎ᠠ᠃ ᠠᠵᠤ ᠠᠬᠤᠢ  ᠶᠢᠨ ᠪᠦᠳᠦᠬᠡᠨ ᠪᠠᠶᠢᠭᠤᠯᠤᠯᠳᠠ᠂ ᠣᠯᠣᠰ ᠲᠦᠷᠦ  ᠶᠢᠨ ᠪᠠᠶᠢᠭᠤᠯᠤᠯᠳᠠ᠂ ᠰᠤᠶᠤᠯ  ᠤᠨ  ᠪᠠᠶᠢᠭᠤᠯᠤᠯᠳᠠ᠂ ᠨᠡᠶᠢᠬᠡᠮ  ᠤᠨ  ᠪᠠᠶᠢᠭᠤᠯᠤᠯᠳᠠ᠂ ᠠᠮᠢ ᠠᠬᠤᠢ  ᠶᠢᠨ ᠪᠤᠯᠪᠠᠰᠤᠨ  ᠤ ᠪᠠᠶᠢᠭᠤᠯᠤᠯᠳᠠ ᠶᠢ ᠵᠢᠭᠠᠨ᠎ᠠ᠃ ᠴᠢᠨᠡᠬᠡᠯᠢᠭ ᠨᠡᠶᠢᠬᠡᠮ  ᠢ ᠪᠦᠬᠦ ᠲᠠᠯ᠎ᠠ ᠪᠠᠷ  ᠪᠠᠶᠢᠭᠤᠯᠵᠤ ᠪᠡᠶᠡᠯᠡᠬᠦᠯᠬᠦ᠂ ᠨᠡᠶᠢᠬᠡᠮ  ᠵᠢᠷᠤᠮ ᠤᠨ ᠤᠳᠤᠬᠢᠴᠢᠯᠠᠯᠳᠠ ᠪᠤᠯᠤᠨ ᠲᠤᠮᠳᠠᠳᠤ  ᠶᠢᠨ ᠦᠨᠳᠦᠰᠦᠳᠡᠨ  ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ  ᠳᠤ ᠬᠠᠨᠳᠤᠭᠤᠯᠤᠨ᠂ ᠨᠠᠮ  ᠤᠨ ᠠᠷᠪᠠᠨ ᠨᠡᠢᠮᠠᠳᠤᠭᠠᠷ ᠶᠡᠭᠡ ᠬᠤᠷᠠᠯ  ᠤᠨ ᠮᠡᠳᠡᠬᠦᠯᠦᠯᠳᠡ  ᠠᠴᠠ ᠲᠤᠮᠳᠠᠳᠤ ᠤᠯᠤᠰ  ᠤᠨ ᠤᠨᠴᠠᠯᠢᠭ ᠪᠦᠬᠦᠢ ᠨᠡᠶᠢᠬᠡᠮ ᠵᠢᠷᠤᠮ  ᠤᠨ ᠤᠶᠢᠯᠡᠰ  ᠲᠤ《ᠲᠠᠪᠤ ᠶᠢ ᠨᠢᠬᠡ ᠴᠤᠭᠴᠠᠵᠢᠭᠤᠯᠬᠤ》ᠶᠡᠷᠦᠩᠬᠡᠢ ᠪᠠᠶᠢᠷᠢᠯᠠᠭᠤᠯᠤᠯᠳᠠ ᠬᠢᠪᠡ᠃4.ᠬᠤᠤᠰ ᠵᠠᠭᠤᠨ ᠳ᠋ᠦᠩᠰᠢᠭᠤᠷ  ᠤᠨ ᠢᠨᠵᠧᠨᠧᠷᠢᠩ᠄ ᠠᠵᠤ ᠦᠢᠯᠡᠰ  ᠤᠨ ᠳᠦᠪᠯᠡᠷᠡᠯᠳᠡ ᠪᠠ ᠠᠵᠤ ᠠᠬᠤᠶᠢᠯᠠᠯ  ᠤᠨ ᠦᠷᠢᠰᠦᠯᠳᠦᠬᠦ ᠬᠦᠴᠦᠨ  ᠢ ᠳᠡᠬᠡᠭᠰᠢᠯᠡᠬᠦᠯᠬᠦ  ᠶᠢᠨ ᠳᠤᠰᠠᠳᠠ᠂ ᠦᠪᠡᠷᠳᠡᠬᠡᠨ ᠵᠠᠰᠠᠬᠤ ᠤᠷᠤᠨ  ᠤ ᠨᠠᠮ  ᠤᠨ ᠬᠤᠷᠢᠶ᠎ᠠ᠂ ᠵᠠᠰᠠᠭ  ᠤᠨ ᠤᠷᠳᠤᠨ  ᠠᠴᠠ《 ᠬᠤᠤᠰ ᠵᠠᠭᠤᠨ ᠳ᠋ᠦᠩᠰᠢᠭᠤᠷ  ᠤᠨ ᠢᠨᠵᠧᠨᠧᠷᠢᠩ 》 ᠢ ᠬᠡᠷᠡᠭᠵᠢᠬᠦᠯᠬᠦ ᠪᠠᠶᠢᠯᠳᠤᠬᠤ ᠪᠤᠳᠤᠯᠭ᠎ᠠ  ᠶᠢᠨ ᠰᠢᠢᠳᠪᠦᠷᠢ ᠭᠠᠷᠭᠠᠵᠤ᠂ ᠨᠢᠬᠡ ᠬᠡᠰᠡᠭ ᠡᠵᠡᠩᠨᠡᠯᠳᠡ  ᠶᠢᠨ ᠤᠷᠤᠯᠭ᠎ᠠ ᠨᠢ ᠵᠠᠭᠤᠨ ᠳ᠋ᠦᠩᠰᠢᠭᠤᠷ ᠳᠦᠬᠦᠷᠢᠭ  ᠢ ᠳᠠᠪᠠᠭᠰᠠᠨ ᠳᠤᠮᠤ ᠳᠤᠯᠭᠠᠭᠤᠷᠢ ᠠᠵᠤ ᠠᠬᠤᠶᠢᠯᠠᠯ ᠪᠠ ᠭᠤᠤᠯᠳᠠᠯᠭ᠎ᠠ ᠲᠠᠢ ᠨᠡᠬᠡᠬᠡᠯᠳᠡ  ᠶᠢᠨ ᠤᠷᠤᠨ ︵ᠤᠷᠤᠨ ᠳᠤᠭᠤᠷᠢᠭ︶  ᠢ ᠬᠦᠮᠦᠵᠢᠬᠦᠯᠵᠤ ᠪᠠᠶᠢᠭᠤᠯᠬᠤ ᠪᠠᠷ ᠳᠤᠷᠠᠳᠪᠡ᠃ ᠪᠠᠰᠠ《 ᠬᠤᠤᠰ ᠵᠠᠭᠤᠨ ᠳ᠋ᠦᠩᠰᠢᠭᠤᠷ  ᠤᠨ ᠢᠨᠵᠧᠨᠧᠷᠢᠩ 》 ᠢ ᠬᠡᠷᠡᠭᠵᠢᠬᠦᠯᠬᠦ ᠰᠠᠨᠠᠯ  ᠢ ᠲᠤᠭᠳᠠᠭᠠᠵᠠᠢ᠃5. ᠬᠡᠷᠡᠭ ᠨᠢᠬᠡᠪᠦᠷᠢ ᠶᠢ ᠳᠤᠰᠬᠠᠢ ᠵᠦᠪᠳᠡᠬᠦ ᠡᠳ᠋ ᠤᠨ ᠵᠠᠰᠠᠭ  ᠠᠴᠠ ᠱᠠᠩᠨᠠᠨ ᠬᠦᠬᠢᠬᠦᠯᠵᠤ ᠨᠦᠬᠦᠪᠦᠷᠢ ᠤᠯᠭᠤᠬᠤ ᠠᠵᠢᠯ᠄ ᠭᠠᠴᠠᠭ᠎ᠠ ᠳᠤᠰᠬᠤᠨ ᠤ ᠠᠷᠠᠳ ᠤᠨ ᠬᠡᠷᠡᠭ ᠨᠢᠬᠡᠪᠦᠷᠢ ᠶᠢ ᠳᠤᠰᠬᠠᠢ ᠵᠦᠪᠳᠡᠬᠦ ᠳᠤ ᠪᠡᠯᠡ ᠮᠦᠩᠬᠦ ᠪᠠ ᠬᠦᠳᠡᠯᠮᠦᠷᠢ ᠬᠦᠴᠦ ᠬᠤᠷᠠᠮᠳᠤᠭᠤᠯᠬᠤ ᠪᠠᠷ ᠰᠠᠭᠤᠷᠢ ᠪᠤᠯᠭᠠᠵᠤ᠂ ᠭᠠᠴᠠᠭ᠎ᠠ ᠳᠤᠰᠬᠤᠨ ᠤ ᠬᠠᠮᠳᠤ ᠶᠢᠨ ᠠᠵᠤ ᠠᠬᠤᠢ ᠶᠢᠨ ᠵᠤᠬᠢᠶᠠᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠪᠠᠷ ᠭᠤᠤᠯ ᠪᠤᠯᠭᠠᠭᠰᠠᠨ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠢ ᠵᠤᠬᠢᠰᠳᠠᠢ ᠱᠠᠩᠨᠠᠨ ᠬᠦᠬᠢᠬᠦᠯᠵᠤ ᠨᠦᠬᠦᠪᠦᠷᠢ ᠦᠭᠬᠦ ᠶᠢ ᠵᠢᠭᠠᠨ᠎ᠠ᠃6.ᠬᠦᠳᠡᠭᠡ ᠳᠤᠰᠬᠤᠨ  ᠤ ᠵᠠᠬ᠎ᠠ ᠳᠡᠯᠬᠡᠬᠦᠷ ᠤᠨ ᠢᠨᠵᠧᠨᠧᠷᠢᠩ᠄ ᠬᠤᠳᠠᠯᠳᠤᠭᠠᠨ ᠤ ᠬᠡᠯᠳᠡᠰ ᠠᠴᠠ  ᠵᠤᠬᠢᠶᠠᠨ ᠪᠠᠶᠢᠭᠤᠯᠵᠤ ᠬᠡᠷᠡᠭᠵᠢᠬᠦᠯᠬᠦ ᠢᠨᠵᠧᠨᠧᠷᠢᠩ ᠪᠤᠯᠤᠨ᠎ᠠ᠃ ᠵᠤᠷᠢᠯᠭ᠎ᠠ ᠨᠢ 25 ᠳᠦᠮᠡᠨ ᠳᠠᠷᠢᠶᠠᠴᠢᠨ ᠠᠶᠢᠯ ᠤᠨ ᠳᠡᠯᠬᠡᠬᠦᠷ ᠭᠠᠷᠭᠠᠵᠤ᠂ ᠬᠤᠳᠠ ᠶᠢᠨ ᠳᠡᠯᠬᠡᠬᠦᠷ ᠢᠶᠠᠷ ᠳᠤᠯᠤᠭᠠᠶᠢᠯᠠᠭᠤᠯᠵᠤ᠂ ᠰᠢᠶᠠᠩ ᠪᠠᠯᠭᠠᠰᠤᠨ ᠤ ᠳᠡᠯᠬᠡᠬᠦᠷ ᠢᠶᠠᠷ ᠭᠤᠤᠯ ᠪᠤᠯᠭᠠᠨ᠂ ᠳᠤᠰᠬᠤᠨ ᠤ ᠳᠡᠰ ᠤᠨ ᠳᠡᠯᠬᠡᠬᠦᠷ ᠢᠶᠠᠷ ᠰᠠᠭᠤᠷᠢ ᠪᠤᠯᠭᠠᠭᠰᠠᠨ ᠬᠦᠳᠡᠭᠡ ᠳᠤᠰᠬᠤᠨ ᠤ ᠬᠡᠷᠡᠭᠯᠡᠬᠡᠨ ᠤ ᠡᠵᠡᠩᠨᠡᠯᠳᠡ ᠶᠢᠨ ᠳᠤᠤᠷ ᠰᠦᠯᠵᠢᠶ᠎ᠡ ᠶᠢ ᠪᠤᠢ ᠪᠤᠯᠭᠠᠵᠤ᠂ ᠬᠤᠳᠠ ᠬᠦᠳᠡᠭᠡ ᠶᠢᠨ ᠬᠡᠷᠡᠭᠯᠡᠬᠡᠨ ᠤ ᠵᠦᠷᠢᠶ᠎ᠡ ᠶᠢ ᠤᠯᠠᠮ ᠢᠶᠠᠷ ᠪᠠᠭᠠᠰᠬᠠᠨ᠎ᠠ᠃7. ᠪᠠᠩᠬᠢ᠂ ᠲᠠᠭᠠᠳᠬᠠᠯ ᠤᠨ ᠺᠤᠮᠫᠠᠨᠢ  ᠶᠢᠨ ᠲᠤᠪᠴᠢ ᠨᠡᠷᠡᠶᠢᠳᠦᠯ  ᠤᠨ ᠲᠠᠶᠢᠯᠪᠤᠷᠢ᠄ ᠲᠠᠷᠢᠶᠠᠯᠠᠩ  ᠤᠨ ᠬᠤᠳᠠᠯᠳᠤᠭᠠᠨ  ᠤ ᠪᠠᠩᠬᠢ ᠪᠤᠯ ᠠᠯᠠᠱᠠ  ᠶᠢᠨ ᠬᠦᠳᠡᠭᠡ ᠲᠤᠰᠬᠤᠨ  ᠤ ᠬᠤᠳᠠᠯᠳᠤᠭᠠᠨ  ᠤ ᠪᠠᠩᠬᠢ ᠶᠢ ᠵᠢᠭᠠᠵᠤ ᠪᠤᠢ᠃  ᠵᠦᠩ ᠬᠤᠸᠠ ᠬᠤᠯᠪᠣᠭᠠᠳᠣ ᠲᠠᠭᠠᠳᠬᠠᠯ ᠪᠤᠯ  ᠵᠦᠩ ᠬᠤᠸᠠ ᠬᠤᠯᠪᠤᠭᠠᠯᠠᠭᠰᠠᠨ ᠡᠳ᠋ ᠬᠦᠷᠦᠩᠬᠡ  ᠶᠢᠨ ᠲᠠᠭᠠᠳᠬᠠᠯ  ᠤᠨ ᠬᠤᠪᠢ ᠤᠷᠤᠭᠤᠯᠤᠭᠰᠠᠨ ᠬᠢᠵᠠᠭᠠᠷᠲᠤ ᠺᠤᠮᠫᠠᠨᠢ ᠶᠢ ᠵᠢᠭᠠᠵᠤ ᠪᠤᠢ᠃8. ᠬᠤᠯᠠᠳᠠᠬᠢᠨ  ᠢ ᠲᠤᠭᠳᠠᠭᠠᠭᠴᠢ ᠬᠤᠷᠢᠶ᠎ᠠ  ᠶᠢᠨ ᠬᠠᠭᠤᠴᠢᠨ ᠬᠤᠳᠠ  ᠶᠢ ᠬᠠᠮᠠᠭᠠᠯᠠᠵᠤ ᠰᠠᠯᠪᠢᠨ ᠵᠠᠰᠠᠬᠤ ᠢᠨᠵᠧᠨᠧᠷᠢᠩ᠄ ᠲᠤᠰ ᠢᠨᠵᠧᠨᠧᠷᠢᠩ ᠨᠢ ᠲᠦᠷᠪᠡᠨ ᠬᠡᠰᠡᠭ ᠠᠴᠠ ᠪᠦᠷᠢᠯᠳᠤᠨ᠎ᠠ᠃ ᠳᠠᠷᠤᠢ ᠠᠯᠠᠱᠠ ᠸᠠᠩ ᠤᠨ ᠤᠷᠳᠤᠨ  ᠢ ᠰᠠᠯᠪᠢᠨ ᠵᠠᠰᠠᠬᠤ ᠢᠨᠵᠧᠨᠧᠷᠢᠩ᠂ ᠸᠠᠩ ᠤᠨ ᠤᠷᠳᠤᠨ ᠤ ᠴᠡᠴᠡᠷᠯᠢᠭ ᠢ ᠪᠦᠲᠦᠬᠡᠨ ᠪᠠᠶᠢᠭᠤᠯᠬᠤ ᠢᠨᠵᠧᠨᠧᠷᠢᠩ᠂ ᠬᠤᠯᠠᠳᠠᠬᠢᠨ ᠢ ᠲᠤᠳᠠᠭᠠᠭᠴᠢ ᠬᠤᠷᠢᠶᠠᠨ ᠤ ᠪᠤᠶᠠᠨ ᠢ ᠠᠷᠪᠢᠳᠬᠠᠭᠴᠢ ᠰᠦᠮ᠎ᠠ᠂ ᠬᠤᠳᠠ  ᠶᠢᠨ ᠰᠠᠬᠢᠭᠤᠯᠰᠤᠨ  ᠤ ᠰᠦᠮ᠎ᠠ  ᠶᠢ ᠬᠠᠮᠠᠭᠠᠯᠠᠵᠤ ᠵᠠᠰᠠᠬᠤ ᠢᠨᠵᠧᠨᠧᠷᠢᠩ᠂  ᠬᠤᠯᠠᠳᠠᠬᠢᠨ ᠢ ᠳᠤᠭᠳᠠᠭᠠᠭᠴᠢ ᠬᠤᠷᠢᠶᠠᠨ  ᠤ ᠬᠤᠳᠠ ᠶᠢᠨ ᠬᠡᠷᠡᠮ ᠤᠨ ᠪᠦᠲᠦᠬᠡᠨ ᠪᠠᠶᠢᠭᠤᠯᠤᠯᠲᠠ ᠶᠢᠨ ᠢᠨᠵᠧᠨᠧᠷᠢᠩ ᠪᠤᠯᠤᠨ᠎ᠠ᠃ 9. ᠪᠠᠶᠢᠭᠠᠯᠢ  ᠶᠢᠨ ᠰᠢᠳᠠᠮᠠᠬᠠᠢ ᠬᠡᠢ ᠶᠢ ᠪᠠᠶᠠᠨᠬᠤᠳᠠ  ᠳᠤ ᠤᠷᠤᠭᠤᠯᠬᠤ᠄ ᠬᠤᠰᠢᠭᠤᠨ  ᠤ ᠵᠠᠰᠠᠭ  ᠤᠨ ᠤᠷᠳᠤᠨ  ᠠᠴᠠ ᠬᠡᠷᠡᠭᠵᠢᠬᠦᠯᠦᠭᠰᠡᠨ ᠨᠢᠬᠡ ᠲᠦᠷᠦᠯ  ᠤᠨ ᠰᠠᠭᠤᠷᠢ ᠴᠢᠨᠠᠷᠳᠠᠢ ᠢᠨᠵᠧᠨᠧᠷᠢᠩ᠂ ᠪᠠᠶᠢᠭᠠᠯᠢ  ᠶᠢᠨ ᠰᠢᠳᠠᠮᠠᠬᠠᠢ ᠬᠡᠢ ᠶᠢ ᠬᠤᠭᠤᠯᠠᠢ ᠪᠠᠷ ᠲᠠᠮᠵᠢᠭᠤᠯᠤᠨ ᠪᠠᠶᠠᠨᠬᠤᠳᠠ  ᠳᠤ ᠤᠷᠤᠭᠤᠯᠤᠨ᠂ ᠬᠤᠳᠠ  ᠶᠢᠨ ᠰᠠᠭᠤᠭᠠᠯᠢ ᠠᠷᠠᠳ᠂ ᠬᠤᠳᠠᠯᠳᠤᠭᠠᠨ  ᠤ ᠡᠷᠦᠬᠡ᠂  ᠮᠠᠰᠢᠨ ᠲᠡᠷᠬᠡ ᠵᠢᠴᠢ ᠬᠡᠰᠡᠭ ᠨᠡᠶᠢᠳᠡ ᠶᠢᠨ ᠪᠠᠷᠢᠯᠭ᠎ᠠ  ᠳᠤ ᠪᠠᠶᠢᠭᠠᠯᠢ  ᠶᠢᠨ ᠰᠢᠳᠠᠮᠠᠬᠠᠢ ᠬᠡᠢ  ᠬᠠᠩᠭᠠᠬᠤ ᠶᠢ ᠵᠢᠭᠠᠵᠤ ᠪᠤᠢ᠃10. ᠬᠠᠳᠤᠨ ᠭᠤᠤᠯ ᠳᠠᠭᠠᠤ  ᠵᠠᠮ ᠳᠠᠭᠠᠤ᠄ ᠬᠠᠳᠤᠨ ᠭᠤᠤᠯ  ᠤᠨ ᠬᠦᠪᠡᠭᠡ ᠳᠠᠭᠠᠤ᠂ ᠵᠠᠮ ᠬᠠᠷᠢᠯᠴᠠᠭᠠᠨ  ᠤ ᠭᠤᠤᠯ ᠱᠤᠭᠤᠮ ᠳᠠᠭᠠᠤ ᠤᠷᠤᠨ  ᠢ ᠵᠢᠭᠠᠨ᠎ᠠ᠃11.ᠠᠵᠢᠯ ᠦᠢᠯᠠᠰ ᠤᠨ ᠨᠢᠭᠡᠴᠡ ᠶᠢᠨ ᠲᠦᠷᠦᠯ ᠬᠤᠪᠢᠶᠠᠭᠰᠠᠨ ᠦᠭᠡᠷᠡᠴᠢᠯᠠᠯᠲᠠ᠄ ᠡᠨᠡ ᠨᠢ ᠤᠳᠤᠬᠢ ᠠᠵᠢᠯ ᠦᠢᠯᠠᠰ ᠤᠨ ᠨᠢᠭᠡᠴᠡ ᠶᠢ ᠨᠡᠶᠢᠬᠡᠮ ᠤᠨ ᠴᠢᠳᠠᠮᠵᠢ ᠶᠢ ᠨᠢ ᠦᠨᠳᠦᠰᠦᠯᠠᠵᠤ᠂  ᠵᠠᠰᠠᠭ ᠵᠠᠬᠢᠷᠭᠠᠨ ᠤ  ᠠᠵᠢᠯ  ᠢ ᠬᠠᠷᠢᠭᠤᠴᠠᠬᠤ᠂ ᠦᠢᠯᠡᠳᠪᠤᠷᠢᠯᠠᠯ ᠡᠵᠡᠩᠨᠠᠯᠲᠠ  ᠶᠢᠨ ᠠᠵᠢᠯ ᠡᠷᠬᠢᠯᠡᠬᠦ ᠪᠤᠯᠤᠨ ᠨᠡᠶᠢᠲᠠ ᠶᠢᠨ ᠠᠰᠠᠷᠠᠮᠵᠢ ᠶᠢᠨ  ᠦᠢᠯᠡᠴᠢᠯᠡᠭᠡ ᠡᠷᠬᠢᠯᠡᠬᠦ ᠵᠡᠷᠬᠡ ᠭᠤᠷᠪᠠᠨ ᠲᠦᠷᠦᠯ ᠬᠤᠪᠢᠶᠠᠨ᠎ᠠ᠃ ᠵᠠᠰᠠᠭ ᠵᠠᠬᠢᠷᠭᠠᠨ ᠤ ᠠᠵᠢᠯ ᠬᠠᠷᠢᠭᠤᠴᠠᠵᠤ ᠪᠠᠶᠢᠭ᠎ᠠ ᠶᠢ ᠨᠢ ᠠᠭᠠᠵᠢᠮ ᠢᠶᠠᠷ ᠵᠠᠰᠠᠭ ᠵᠠᠬᠢᠷᠭᠠᠨ ᠤ ᠦᠢᠯᠡᠳᠤᠯ ᠢ ᠵᠠᠰᠠᠭ ᠵᠠᠬᠢᠷᠭᠠᠨ ᠤ ᠪᠠᠶᠢᠭᠤᠯᠤᠮᠵᠢ ᠳᠤ ᠬᠤᠪᠢᠶᠠᠵᠤ ᠦᠭᠭᠦ ᠪᠤᠶᠤ ᠵᠠᠰᠠᠭ ᠵᠠᠬᠢᠷᠭᠠᠨ ᠤ ᠪᠠᠶᠢᠭᠤᠯᠤᠮᠵᠢ ᠪᠤᠯᠭᠠᠨ ᠦᠬᠡᠷᠠᠴᠢᠯᠠᠨ᠎ᠠ᠃ ᠦᠢᠯᠡᠳᠪᠦᠷᠢᠯᠠᠯ ᠡᠵᠡᠩᠨᠡᠯᠳᠡ ᠶᠢᠨ ᠠᠵᠢᠯᠯᠠᠭ᠎ᠠ ᠡᠷᠬᠢᠯᠡᠵᠤ ᠪᠠᠶᠢᠭ᠎ᠠ ᠶᠢ ᠨᠢ ᠠᠭᠠᠵᠢᠮ ᠢᠶᠠᠷ ᠠᠵᠤ ᠠᠬᠤᠶᠢᠯᠠᠯ ᠪᠤᠯᠭᠠᠨ ᠬᠤᠪᠢᠷᠠᠭᠤᠯᠤᠨ᠎ᠠ᠃ ᠨᠡᠶᠢᠲᠠ ᠶᠢᠨ ᠠᠰᠠᠷᠠᠮᠵᠢ ᠶᠢᠨ ᠦᠢᠯᠡᠴᠢᠯᠡᠭᠡ ᠡᠷᠬᠢᠯᠡᠵᠦ ᠪᠠᠶᠢᠭ᠎ᠠ ᠶᠢ ᠨᠢ ᠦᠷᠬᠦᠯᠵᠢᠯᠠᠨ ᠠᠵᠢᠯ ᠦᠢᠯᠠᠰ ᠤᠨ ᠨᠢᠭᠡᠴᠡ ᠶᠢᠨ ᠡᠩᠨᠡᠭᠡᠨ ᠳᠤ ᠦᠯᠡᠳᠡᠬᠡᠵᠤ ᠨᠡᠶᠢᠲᠠ ᠶᠢᠨ ᠠᠰᠠᠷᠠᠮᠵᠢ ᠶᠢᠨ ᠰᠢᠨᠵᠢ ᠴᠢᠨᠠᠷ ᠢ ᠨᠢ ᠴᠢᠩᠭᠠᠳᠬᠠᠨ᠎ᠠ᠃12.ᠠᠵᠤ ᠠᠬᠤᠶᠢᠯᠠᠯ  ᠤᠨ ᠨᠢᠬᠡ ᠢᠵᠢ ᠬᠦᠰᠦᠨᠦᠭᠳᠤ  ᠶᠢᠨ ᠦᠬᠡᠷᠡᠴᠢᠯᠡᠯᠳᠡ᠄ ᠳᠤᠭ᠎ᠠ ᠪᠦᠷᠢᠳᠬᠡᠯ  ᠤᠨ ᠪᠠᠶᠢᠴᠠᠭᠠᠬᠤ ᠡᠳᠡᠬᠡᠳ  ᠢᠶᠠᠷ ᠭᠤᠤᠯ ᠪᠤᠯᠭᠠᠵᠤ᠂ ᠤᠳᠤᠬᠠᠨ  ᠤ ᠬᠦᠰᠦᠨᠦᠭᠳᠤ  ᠶᠢᠨ ᠳᠦᠷᠢᠮ  ᠢ ᠨᠢᠬᠡᠳᠦᠬᠦᠯᠵᠤ᠂ ᠠᠳᠠᠯᠢ ᠪᠤᠰᠤ ᠳᠤᠭ᠎ᠠ ᠪᠦᠷᠢᠳᠬᠡᠯ  ᠤᠨ ᠪᠠᠶᠢᠴᠠᠭᠠᠯᠳᠠ  ᠶᠢᠨ ᠳᠦᠷᠢᠮ  ᠠᠴᠠ ᠠᠳᠠᠯᠢ ᠨᠢᠬᠡᠨ ᠪᠠᠶᠢᠴᠠᠭᠠᠬᠤ ᠨᠢᠬᠡᠴᠡ  ᠳᠤ ᠳᠠᠪᠬᠤᠴᠠᠭᠤᠯᠤᠨ ᠳᠤᠬᠢᠷᠠᠭᠤᠯᠬᠤ ᠪᠠ ᠳᠠᠪᠬᠤᠴᠠᠭᠤᠯᠤᠨ ᠳᠤᠭ᠎ᠠ ᠪᠦᠷᠢᠳᠬᠡᠯ ᠬᠢᠬᠦ ᠪᠠᠶᠢᠳᠠᠯ  ᠢ ᠦᠬᠡᠶᠢᠰᠬᠢᠵᠤ᠂ ᠰᠦᠯᠵᠢᠶ᠎ᠡ ᠪᠠᠷ ᠰᠢᠭᠤᠳ ᠮᠡᠳᠡᠬᠦᠯᠬᠦ ᠬᠡᠯᠪᠡᠷᠢ  ᠶᠢ ᠬᠡᠷᠡᠭᠯᠡᠨ᠂ ᠳᠤᠭ᠎ᠠ ᠪᠠᠷᠢᠮᠳᠠ ᠴᠤᠭᠯᠠᠭᠤᠯᠬᠤ ᠬᠡᠯᠪᠡᠷᠢ  ᠶᠢ ᠨᠢᠬᠡᠳᠦᠯᠳᠡᠢ ᠵᠤᠬᠢᠶᠠᠨ ᠪᠠᠶᠢᠭᠤᠯᠵᠤ ᠬᠠᠮᠢᠶᠠᠷᠬᠤ ᠪᠠ ᠳᠤᠭ᠎ᠠ ᠪᠦᠷᠢᠳᠬᠡᠯ  ᠤᠨ ᠡᠬᠢ ᠪᠠᠶᠠᠯᠢᠭ  ᠢ ᠬᠠᠮᠳᠤᠪᠠᠷ ᠡᠳ᠋ᠯᠡᠬᠦ  ᠶᠢ ᠪᠡᠶᠡᠯᠡᠬᠦᠯᠬᠦ  ᠶᠢ ᠵᠢᠭᠠᠨ᠎ᠠ᠃13.ᠬᠠᠮᠳᠤ ᠨᠡᠶᠢᠳᠡ  ᠶᠢᠨ ᠤᠢ ᠰᠢᠭᠤᠢ  ᠶᠢᠨ ᠡᠷᠬᠡ  ᠶᠢᠨ ᠦᠬᠡᠷᠡᠴᠢᠯᠡᠯᠳᠡ᠄ ᠡᠷᠦᠬᠡ ᠳᠤ ᠳᠠᠭᠠᠭᠠᠴᠢᠯᠠᠭᠤᠯᠤᠭᠰᠠᠨ ᠪᠠ ᠳᠠᠮᠵᠢᠭᠤᠯᠤᠭᠰᠠᠨ ᠬᠠᠮᠳᠤ ᠨᠡᠶᠢᠳᠡ  ᠶᠢᠨ ᠤᠶᠢᠳᠤ ᠭᠠᠵᠠᠷ ᠪᠤᠯᠤᠨ ᠤᠢ ᠮᠤᠳᠤᠨ  ᠤ ᠳᠠᠭᠠᠭᠠᠴᠢᠯᠠᠬᠤ ᠬᠠᠷᠢᠴᠠᠭ᠎ᠠ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠦᠨ᠎ᠡ᠃ ᠡᠷᠦᠬᠡ ᠳᠤ ᠳᠠᠭᠠᠭᠠᠴᠢᠯᠠᠭᠤᠯᠤᠭᠰᠠᠨ ᠦᠬᠡᠢ ᠬᠠᠮᠳᠤ ᠨᠡᠶᠢᠳᠡ  ᠶᠢᠨ ᠤᠶᠢᠳᠤ ᠭᠠᠵᠠᠷ ᠪᠤᠯᠤᠨ ᠤᠢ ᠮᠤᠳᠤ  ᠶᠢ  ᠡᠷᠦᠬᠡ ᠳᠤ ᠳᠠᠭᠠᠭᠠᠴᠢᠯᠠᠭᠤᠯᠤᠨ ᠡᠵᠡᠩᠨᠡᠬᠦᠯᠬᠦ ᠪᠠᠷ ᠭᠤᠤᠯ ᠪᠤᠯᠭᠠᠭᠰᠠᠨ ᠡᠯ᠎ᠡ ᠵᠦᠢᠯ  ᠤᠨ ᠠᠷᠭ᠎ᠠ ᠬᠡᠮᠵᠢᠶ᠎ᠠ  ᠶᠢ ᠠᠪᠴᠤ ᠬᠦᠷᠦᠩᠬᠡ  ᠶᠢᠨ ᠡᠷᠬᠡ  ᠶᠢ ᠳᠤᠳᠤᠷᠬᠠᠶᠢᠯᠠᠨ᠎ᠠ᠃14.ᠠᠮᠤᠷ ᠳᠦᠪᠰᠢᠨ ᠤᠤᠭᠤᠬᠤ ᠤᠰᠤᠨ  ᠤ ᠢᠨᠵᠧᠨᠧᠷᠢᠩ᠄ ᠮᠠᠯᠵᠢᠬᠤ ᠳᠠᠷᠢᠶᠠᠯᠠᠬᠤ ᠤᠷᠤᠨ  ᠤ ᠬᠦᠮᠦᠨ ᠮᠠᠯ  ᠤᠨ ᠤᠤᠭᠤᠬᠤ ᠤᠰᠤᠨ  ᠤ ᠠᠮᠤᠷ ᠲᠦᠪᠰᠢᠨ ᠦᠬᠡᠢ ᠠᠰᠠᠭᠤᠳᠠᠯ  ᠢ ᠰᠢᠢᠳᠪᠦᠷᠢᠯᠡᠬᠦ ᠶᠢ ᠵᠢᠭᠠᠨ᠎ᠠ᠃ 15.ᠲᠡᠮᠦᠷ ᠵᠠᠮ᠂ ᠵᠠᠰᠠᠮᠠᠯ ᠵᠠᠮ ᠤᠨ ᠲᠤᠪᠴᠢᠯᠠᠯ ᠤᠨ ᠲᠠᠶᠢᠯᠪᠤᠷᠢ᠄ ᠯᠢᠨ ᠾᠧ ᠠᠴᠠ ᠴᠡᠭᠡ ᠬᠦᠷᠬᠦ ᠲᠡᠮᠦᠷ ᠵᠠᠮ ᠪᠤᠯ᠂ ᠪᠠᠶᠠᠨᠨᠠᠭᠤᠷ ᠬᠤᠲᠠ  ᠶᠢᠨ ᠯᠢᠨ ᠾᠧ ᠲᠤᠭᠤᠷᠢᠭ ᠠᠴᠠ ᠴᠡᠭᠡ ᠪᠤᠭᠤᠮᠲᠠ ᠬᠦᠷᠬᠦ ᠲᠡᠮᠦᠷ ᠵᠠᠮ᠃ ᠪᠠᠶᠠᠨᠬᠤᠲᠠ ᠠᠴᠠ ᠢᠷᠭᠠᠢ ᠬᠦᠷᠬᠦ ᠲᠦᠷᠭᠡᠨ ᠵᠠᠮ ᠪᠤᠯ ᠪᠠᠶᠠᠨᠬᠤᠲᠠ ᠠᠴᠠ ᠢᠷᠭᠠᠢ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ᠃ ᠪᠠᠶᠠᠨᠬᠤᠲᠠ ᠵᠢᠷᠠᠲᠠᠢ  ᠶᠢᠨ ᠨᠢᠭᠡᠳᠦᠬᠡᠷ ᠲᠡᠰ ᠤᠨ ᠵᠠᠰᠠᠮᠠᠯ ᠵᠠᠮ ᠪᠤᠯ ᠪᠠᠶᠠᠨᠬᠤᠲᠠ ᠠᠴᠠ ᠵᠢᠷᠠᠲᠠᠢ ᠬᠦᠷᠬᠦ ᠨᠢᠭᠡᠳᠦᠬᠡᠷ ᠲᠡᠰ ᠤᠨ ᠵᠠᠰᠠᠮᠠᠯ ᠵᠠᠮ᠃ ᠵᠠᠩ ᠵᠢᠶᠠ ᠹᠠᠩ ᠴᠠᠬᠠᠷ ᠦᠨᠳᠦᠷ ᠬᠤᠷᠳᠤᠴᠠᠲᠤ ᠵᠠᠰᠠᠮᠠᠯ ᠵᠠᠮ ᠪᠤᠯ᠂ ᠵᠠᠩ ᠵᠢᠶᠠ ᠹᠠᠩ ᠠᠴᠠ ᠴᠠᠬᠠᠷ ᠤᠨ ᠬᠦᠳᠡᠭᠡ ᠬᠦᠷᠬᠦ ᠦᠨᠳᠦᠷ ᠬᠤᠷᠳᠤᠴᠠᠲᠤ ᠵᠠᠰᠠᠮᠠᠯ ᠵᠠᠮ  ᠢ ᠵᠢᠭᠠᠨ᠎ᠠ᠃ ᠬᠠᠲᠠᠭᠤᠬᠤᠳᠳᠤᠭ ᠰᠤᠬᠠᠶᠢᠲᠤ ᠨᠢᠭᠡᠳᠦᠬᠡᠷ ᠲᠡᠰ ᠤᠨ ᠵᠠᠰᠠᠮᠠᠯ ᠵᠠᠮ ᠪᠤᠯ ᠬᠠᠲᠠᠭᠤᠬᠤᠳᠳᠤᠭ ᠠᠴᠠ ᠰᠤᠬᠠᠶᠢᠲᠤ ᠬᠦᠷᠬᠦ ᠨᠢᠭᠡᠳᠦᠬᠡᠷ ᠲᠡᠰ ᠤᠨ ᠵᠠᠰᠠᠮᠠᠯ ᠵᠠᠮ  ᠢ ᠵᠢᠭᠠᠨ᠎ᠠ᠃16. ︽40᠂ 50︾ ᠨᠠᠰᠤᠨ  ᠤ ᠬᠦᠮᠦᠰ᠄ ᠬᠦᠳᠡᠯᠮᠦᠷᠢᠯᠡᠬᠦ ᠨᠠᠰᠤᠨ  ᠤ ᠬᠤᠭᠤᠴᠠᠭᠠᠨ ᠳᠤ ᠪᠠᠶᠢᠭ᠎ᠠ 40 ᠨᠠᠰᠤᠨ ᠠᠴᠠ ᠳᠡᠬᠡᠭᠰᠢ ᠡᠮᠡᠭᠳᠡᠶᠢᠴᠤᠳ ᠪᠠ 50 ᠨᠠᠰᠤᠨ  ᠠᠴᠠ ᠳᠡᠬᠡᠭᠰᠢ ᠡᠷᠡᠭᠳᠡᠶᠢᠴᠤᠳ᠂ ᠲᠤᠰ ᠪᠡᠶ᠎ᠡ  ᠶᠢᠨ ᠠᠵᠢᠯ ᠤᠯᠬᠤ ᠬᠦᠰᠡᠯ ᠴᠢᠩᠭ᠎ᠠ᠂ ᠬᠡᠪᠡᠴᠤ ᠳᠤᠰ ᠪᠡᠶ᠎ᠡ  ᠶᠢᠨ ᠠᠵᠢᠯᠯᠠᠬᠤ ᠨᠦᠬᠦᠴᠡᠯ ᠰᠠᠶᠢᠨ ᠪᠤᠰᠤ᠂ ᠴᠢᠳᠠᠪᠤᠷᠢ  ᠪᠠᠷ ᠬᠦᠷᠦᠯᠴᠡᠬᠦ ᠦᠬᠡᠢ ᠵᠡᠷᠬᠡ ᠰᠢᠯᠳᠠᠭᠠᠨ  ᠠᠴᠠ ᠪᠤᠯᠵᠤ᠂ ᠬᠦᠳᠡᠯᠮᠦᠷᠢ ᠬᠦᠴᠦᠨ  ᠤ ᠵᠠᠬ᠎ᠠ ᠳᠡᠯᠬᠡᠬᠦᠷ ᠲᠤ ᠦᠷᠢᠰᠦᠯᠳᠦᠵᠤ ᠠᠵᠢᠯ ᠤᠯᠬᠤ ᠳᠤ ᠬᠦᠴᠢᠷᠳᠡᠢ ᠬᠦᠳᠡᠯᠮᠦᠷᠢᠴᠢᠳ  ᠢ ᠵᠢᠭᠠᠨ᠎ᠠ᠃17.ᠰᠢᠨ᠎ᠡ ᠬᠡᠯᠪᠡᠷᠢ  ᠶᠢᠨ ᠮᠠᠯᠵᠢᠬᠤ ᠳᠠᠷᠢᠶᠠᠯᠠᠬᠤ ᠤᠷᠤᠨ  ᠤ ᠨᠡᠶᠢᠬᠡᠮ  ᠤᠨ ᠨᠠᠰᠤᠵᠢᠯ  ᠤᠨ ᠳᠠᠭᠠᠳᠬᠠᠯ᠄ ᠤᠤᠯ  ᠳᠠᠭᠠᠨ ᠬᠡᠷᠡᠭᠵᠢᠬᠦᠯᠵᠦ ᠪᠠᠶᠢᠭᠰᠠᠨ ᠮᠠᠯᠵᠢᠬᠤ ᠳᠠᠷᠢᠶᠠᠯᠠᠬᠤ ᠤᠷᠤᠨ  ᠤ ᠨᠠᠰᠤᠵᠢᠯ  ᠤᠨ ᠳᠠᠭᠠᠳᠬᠠᠯ ᠲᠠᠢ ᠬᠠᠷᠢᠴᠠᠭᠤᠯᠵᠤ ᠬᠡᠯᠡᠭᠰᠡᠨ ᠮᠠᠯᠵᠢᠬᠤ ᠳᠠᠷᠢᠶᠠᠯᠠᠬᠤ ᠤᠷᠤᠨ  ᠤ ᠨᠠᠰᠤᠵᠢᠯ  ᠤᠨ ᠳᠠᠭᠠᠳᠬᠠᠯ  ᠤᠨ ᠰᠢᠨ᠎ᠡ ᠬᠡᠪ ᠵᠠᠭᠪᠤᠷ ᠪᠤᠯᠤᠨ᠎ᠠ᠃ ᠦᠩᠬᠡᠷᠡᠭᠰᠡᠨ ᠳᠤ ᠭᠤᠤᠯᠳᠠᠭᠤ ᠳᠠᠷᠢᠶᠠᠴᠢᠳ ᠦᠪᠡᠷ  ᠢᠶᠠᠨ ᠰᠦᠢᠳᠬᠡᠯ ᠳᠤᠰᠢᠶᠠᠵᠤ᠂ ᠬᠡᠷᠡᠭ ᠳᠡᠬᠡᠷ᠎ᠡ ᠪᠠᠨ ᠦᠪᠡᠷᠳᠡᠬᠡᠨ ᠵᠤᠭᠤᠰ ᠬᠠᠳᠠᠭᠠᠯᠠᠬᠤ ᠬᠡᠯᠪᠡᠷᠢ ᠪᠤᠯᠤᠨ᠎ᠠ᠃ ᠰᠢᠨ᠎ᠡ ᠮᠠᠯᠵᠢᠬᠤ ᠳᠠᠷᠢᠶᠠᠯᠠᠬᠤ ᠤᠷᠤᠨ  ᠤ ᠨᠠᠰᠤᠵᠢᠯ  ᠤᠨ ᠳᠠᠭᠠᠳᠬᠠᠯ  ᠤᠨ ᠤᠨᠴᠠᠯᠢᠭ ᠪᠤᠯ ᠦᠪᠡᠷ  ᠢᠶᠠᠨ ᠰᠦᠢᠳᠬᠡᠯ ᠳᠤᠰᠢᠶᠠᠬᠤ᠂ ᠬᠠᠮᠳᠤ ᠨᠡᠶᠢᠳᠡ  ᠠᠴᠠ ᠨᠦᠬᠦᠪᠦᠷᠢᠯᠡᠬᠦ ᠪᠠ ᠵᠠᠰᠠᠭ  ᠤᠨ ᠤᠷᠳᠤᠨ  ᠠᠴᠠ ᠨᠦᠬᠦᠪᠦᠷᠢᠯᠡᠬᠦ  ᠶᠢ ᠬᠠᠷᠢᠯᠴᠠᠨ ᠤᠶᠠᠯᠳᠤᠭᠤᠯᠤᠭᠰᠠᠨ ᠬᠡᠯᠪᠡᠷᠢ ᠪᠤᠯᠤᠨ᠎ᠠ᠃ 18. ᠠᠵᠢᠯ ᠦᠬᠡᠢ ᠬᠡᠷ ᠪᠦᠯᠢ᠄  ᠬᠤᠳᠠ ᠪᠠᠯᠭᠠᠰᠤᠨ  ᠤ ᠰᠠᠭᠤᠭᠠᠯᠢ ᠠᠷᠠᠳ  ᠤᠨ ᠬᠡᠷ ᠪᠦᠯᠢ  ᠶᠢᠨ ᠪᠦᠷᠢᠯᠳᠦᠬᠦᠨ  ᠤ ᠳᠤᠳᠤᠷ᠎ᠠ ᠨᠢᠬᠡ ᠴᠤ ᠬᠦᠮᠦᠨ ᠳᠤ ᠳᠤᠭᠳᠠᠪᠤᠷᠢᠳᠠᠢ ᠠᠵᠢᠯ ᠦᠬᠡᠢ ᠪᠠᠶᠢᠳᠠᠯ  ᠢ ᠵᠢᠭᠠᠨ᠎ᠠ᠃ 19. ᠰᠤᠷᠭᠠᠭᠤᠯᠢ ᠶᠢᠨ ᠠᠮᠤᠷ ᠲᠦᠪᠰᠢᠨ ᠤ ᠢᠨᠵᠧᠨᠧᠷᠢᠩ᠄ ᠪᠦᠬᠦᠯᠢ ᠨᠡᠷᠡᠶᠢᠳᠦᠯ ᠨᠢ  ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ  ᠶᠢᠨ ᠠᠰᠠᠷ  ᠤᠨ ᠠᠮᠤᠷ ᠲᠦᠪᠰᠢᠨ  ᠤ ᠢᠨᠵᠧᠨᠧᠷᠢᠩ᠃ ᠭᠤᠤᠯ ᠡᠬᠦᠷᠬᠡ ᠨᠢ 2009 ᠤᠨ ᠠᠴᠠ ᠡᠬᠢᠯᠡᠵᠦ ᠭᠤᠷᠪᠠᠨ ᠵᠢᠯ ᠤᠨ ᠬᠤᠭᠤᠴᠠᠭ᠎ᠠ ᠪᠠᠷ ᠭᠠᠵᠠᠷ ᠬᠦᠳᠡᠯᠬᠦ ᠶᠢ ᠰᠡᠷᠬᠡᠶᠢᠯᠡᠵᠤ ᠪᠠᠬᠢᠵᠢᠬᠦᠯᠬᠦ᠂ ᠭᠠᠮᠰᠢᠭ ᠢ ᠶᠡᠷᠦᠩᠬᠡᠶᠢᠯᠡᠨ ᠰᠡᠷᠬᠡᠶᠢᠯᠡᠬᠦ ᠱᠠᠭᠠᠷᠳᠠᠯᠭ᠎ᠠ ᠪᠠᠷ᠂ ᠨᠡᠶᠢᠳᠡᠮ  ᠢᠶᠠᠷ  ᠢᠶᠠᠨ D ᠲᠡᠰ ᠤᠨ ᠠᠶᠤᠯ  ᠤᠨ ᠪᠠᠶᠢᠳᠠᠯ ᠢᠯᠡᠷᠡᠭᠰᠡᠨ ᠠᠰᠠᠷ  ᠢ ᠲᠦᠪᠯᠡᠷᠡᠬᠦᠯᠦᠨ ᠲᠠᠬᠢᠨ ᠪᠠᠶᠢᠭᠤᠯᠵᠤ᠂ ᠬᠡᠰᠡᠭ ᠲᠠᠯ᠎ᠠ  ᠳᠤ C ᠲᠡᠰ ᠤᠨ ᠠᠶᠤᠯ  ᠤᠨ ᠪᠠᠶᠢᠳᠠᠯ ᠢᠯᠡᠷᠡᠭᠰᠡᠨ ᠰᠤᠷᠭᠠᠭᠤᠯᠢ  ᠶᠢᠨ ᠪᠠᠶᠢᠷᠢ ᠶᠢ ᠵᠠᠰᠠᠨ ᠪᠠᠬᠢᠵᠢᠬᠦᠯᠵᠦ ᠠᠮᠤᠷ ᠲᠦᠪᠰᠢᠨ  ᠤ ᠲᠠᠯᠳᠠ ᠬᠡᠮ  ᠢ ᠦᠬᠡᠶᠢᠰᠬᠡᠨ᠎ᠡ᠃ 20. ᠳᠠᠯ᠎ᠠ ᠨᠤᠳᠤᠭ  ᠤᠨ ᠨᠤᠮ  ᠤᠨ ᠦᠷᠦᠬᠡ᠄ ᠦᠪᠦᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ  ᠤ ᠰᠤᠨᠢᠨ ᠮᠡᠳᠡᠭᠡ ᠬᠡᠪᠯᠡᠯ  ᠤᠨ ᠳᠤᠪᠴᠢᠶ᠎ᠠ  ᠠᠴᠠ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠪᠦᠬᠦ ᠤᠷᠤᠨ  ᠤ 300 ᠭᠠᠷᠤᠢ ᠬᠡᠪᠯᠡᠬᠦ᠂ ᠲᠠᠷᠤᠮᠠᠯᠯᠠᠬᠤ᠂ ᠳᠠᠷᠬᠠᠭᠠᠬᠤ ᠪᠠᠶᠢᠭᠤᠯᠭ᠎ᠠ ᠤᠷᠤᠯᠴᠠᠭᠰᠠᠨ᠂ ᠨᠤᠮ ᠪᠢᠴᠢᠭ  ᠢ ᠬᠦᠳᠡᠭᠡ ᠳᠤᠰᠬᠤᠨ ᠳᠤ ᠬᠦᠷᠬᠡᠬᠦ ᠪᠠᠷ ᠭᠤᠤᠯ ᠠᠭᠤᠯᠭ᠎ᠠ ᠪᠠᠨ ᠪᠤᠯᠭᠠᠭᠰᠠᠨ ᠮᠠᠯᠵᠢᠬᠤ ᠳᠠᠷᠢᠶᠠᠯᠠᠬᠤ ᠤᠷᠤᠨ  ᠤ ᠠᠵᠤ ᠠᠬᠤᠢ ᠰᠣᠶᠣᠯ  ᠤᠨ ᠪᠦᠳᠦᠬᠡᠨ ᠪᠠᠶᠢᠭᠤᠯᠤᠯᠳᠠ  ᠳᠤ ᠦᠢᠯᠡᠴᠢᠯᠡᠬᠦ  ᠣᠯᠠᠨ ᠲᠦᠮᠡᠨᠴᠢ ᠰᠤᠶᠤᠯ  ᠤᠨ  ᠢᠨᠵᠧᠨᠧᠷᠢᠩ  ᠪᠤᠯᠤᠨ᠎ᠠ᠃21. ᠷᠠᠳᠢᠤ᠋ ᠲᠧᠯᠸᠢᠰ ᠢ《 ᠲᠤᠰᠬᠤᠨ ᠪᠦᠷᠢ ᠳᠤ ᠨᠡᠪᠳᠠᠷᠡᠭᠦᠯᠬᠦ 》᠂《 ᠡᠷᠦᠬᠡ ᠪᠦᠷᠢ  ᠳᠤ ᠨᠡᠪᠳᠡᠷᠡᠬᠦᠯᠬᠦ》ᠢᠨᠵᠧᠨᠧᠷᠢᠩ᠄ ᠷᠠᠳᠢᠤ᠋ ᠲᠧᠯᠸᠢᠰ ᠤᠨ ᠰᠤᠷᠠᠭ ᠲᠤᠬᠢᠶ᠎ᠡ ᠦᠯᠤ ᠨᠡᠪᠳᠠᠷᠡᠭᠦ ᠭᠠᠵᠠᠷ ᠳᠠᠬᠢ ᠮᠠᠯᠴᠢᠨ ᠲᠠᠷᠢᠶᠠᠴᠢᠨ ᠤ ᠷᠠᠳᠢᠤ᠋ ᠰᠤᠨᠤᠰᠬᠤ᠂ ᠲᠧᠯᠸᠢᠰ ᠦᠵᠠᠬᠦ ᠠᠰᠠᠭᠤᠳᠠᠯ ᠢ ᠰᠢᠢᠳᠪᠦᠷᠢᠯᠡᠬᠦ ᠶᠢᠨ ᠲᠤᠰᠠᠳᠠ ᠤᠯᠤᠰ ᠠᠴᠠ ᠵᠤᠬᠢᠶᠠᠨ ᠪᠠᠶᠢᠭᠤᠯᠵᠤ ᠬᠡᠷᠡᠭᠵᠢᠬᠦᠯᠥᠭᠰᠡᠨ ᠠᠷᠠᠳ ᠤᠨ ᠰᠡᠳᠭᠢᠯ  ᠢ ᠤᠯᠬᠤ ᠢᠨᠵᠧᠨᠧᠷᠢᠩ  ᠢ ᠵᠢᠭᠠᠵᠤ ᠪᠤᠢ᠃        22. ᠰᠤᠶᠤᠯ  ᠤᠨ ᠰᠤᠷᠠᠭ ᠵᠠᠩᠬᠢ  ᠶᠢᠨ ᠡᠬᠢ ᠰᠤᠷᠪᠤᠯᠵᠢ  ᠶᠢ ᠬᠠᠮᠳᠤᠪᠠᠷ ᠡᠳ᠋ᠯᠡᠬᠦ ᠢᠨᠵᠧᠨᠧᠷᠢᠩ᠄ ᠤᠳᠤ ᠦᠶ᠎ᠡ  ᠶᠢᠨ ᠰᠢᠨᠵᠢᠯᠡᠭᠡ ᠲᠧᠭᠨᠢᠭ  ᠢ ᠬᠡᠷᠡᠭᠯᠡᠵᠤ᠂ ᠳᠤᠮᠳᠠᠳᠤ  ᠶᠢᠨ ᠰᠢᠯᠢᠳᠡᠭ ᠰᠤᠶᠤᠯ  ᠤᠨ ᠰᠤᠷᠠᠭ ᠵᠠᠩᠬᠢ  ᠶᠢᠨ ᠡᠬᠢ ᠰᠤᠷᠪᠤᠯᠵᠢ  ᠶᠢ ᠲᠤᠭᠠᠴᠢᠯᠠᠨ ᠪᠤᠯᠪᠠᠰᠤᠷᠠᠭᠤᠯᠵᠤ ᠨᠢᠬᠡᠳᠬᠡᠨ᠂ ᠢᠨᠵᠧᠨᠧᠷᠢᠩ  ᠤᠨ ᠳᠤᠤᠷ ᠰᠦᠯᠵᠢᠶᠡᠨ  ᠤ ᠰᠢᠰᠲ᠋ᠧᠮ  ᠢᠶᠠᠷ ᠳᠠᠮᠵᠢᠨ᠂ ᠢᠨᠲ᠋ᠧᠷ ᠰᠦᠯᠵᠢᠶ᠎ᠡ᠂ ᠳᠠᠭᠠᠭᠤᠯᠢ ᠤᠳᠤᠨ᠂  ᠰᠢᠯᠵᠢᠮᠠᠯ ᠬᠠᠳᠠᠭᠠᠯᠠᠭᠤᠷ᠂ ᠳᠦᠷᠰᠤ ᠰᠢᠩᠬᠡᠬᠡᠯᠳᠡ᠂ ᠬᠡᠷᠡᠯᠯᠢᠭ ᠳᠠᠪᠠᠭ᠂ ᠤᠳᠠᠰᠤᠳᠤ ᠲᠧᠯᠸᠢᠰ᠂ ᠲᠤᠭᠠᠴᠢᠯᠠᠭᠰᠠᠨ ᠲᠧᠯᠸᠢᠰ ᠤᠨ ᠳᠤᠤᠷ ᠵᠡᠷᠬᠡ ᠬᠡᠯᠪᠡᠷᠢ ᠪᠠᠷ ᠰᠢᠯᠢᠳᠡᠭ ᠰᠤᠶᠤᠯ  ᠤᠨ ᠰᠤᠷᠠᠭ ᠵᠠᠩᠬᠢ  ᠶᠢᠨ ᠡᠬᠢ ᠰᠤᠷᠪᠤᠯᠵᠢ ᠶᠢ  ᠪᠦᠬᠦ ᠤᠯᠤᠰ  ᠤᠨ ᠬᠡᠪᠴᠢᠶᠠᠨ ᠳᠤ ᠬᠠᠮᠳᠤᠪᠠᠷ ᠪᠠᠶᠢᠭᠤᠯᠵᠤ  ᠬᠠᠮᠳᠤᠪᠠᠷ ᠡᠳ᠋ᠯᠡᠬᠦ  ᠶᠢ ᠪᠡᠶᠡᠯᠡᠬᠦᠯᠬᠦ ᠶᠢ ᠵᠢᠭᠠᠵᠤ ᠪᠤᠢ᠃ 23.ᠮᠠᠯᠵᠢᠬᠤ ᠲᠠᠷᠢᠶᠠᠯᠠᠬᠤ ᠤᠷᠤᠨ ᠳᠤ ᠺᠢᠨᠤ᠋ ᠲᠠᠯᠪᠢᠬᠤ《2131》 ᠤᠨ ᠢᠨᠵᠧᠨᠧᠷᠢᠩ᠄ ᠲᠠᠷᠦᠢ 21 ᠳ᠋ᠦ᠋ᠬᠡᠷ ᠵᠠᠭᠤᠨ  ᠳᠤ ᠲᠤᠰᠬᠤᠨ ᠪᠤᠯᠭᠠᠨ  ᠳᠤ ᠰᠠᠷ᠎ᠠ  ᠳᠤ ᠨᠢᠬᠡ ᠤᠳᠠᠭ᠎ᠠ ᠺᠢᠨᠤ᠋ ᠲᠠᠯᠪᠢᠬᠤ ᠬᠠᠷᠠᠯᠳᠠ ᠶᠢ ᠪᠡᠶᠡᠯᠡᠬᠦᠯᠦᠨ᠎ᠡ᠃ 24.ᠤᠷᠴᠢᠨ ᠳᠤᠭᠤᠷᠢᠨ  ᠤ ︽ᠭᠤᠷᠪᠠ  ᠶᠢ ᠵᠡᠷᠬᠡᠪᠡᠷ ᠶᠠᠪᠤᠭᠳᠠᠭᠤᠯᠬᠤ︾  ᠳᠦᠷᠢᠮ᠄ ᠪᠦᠳᠦᠬᠡᠨ ᠪᠠᠶᠢᠭᠤᠯᠤᠯᠳᠠ  ᠶᠢᠨ ᠳᠦᠷᠦᠯ ᠵᠦᠢᠯ  ᠤᠨ ᠤᠷᠴᠢᠨ ᠳᠤᠭᠤᠷᠢᠨ  ᠤ ᠬᠠᠮᠠᠭᠠᠯᠠᠯᠳᠠ ᠳᠠᠬᠢ ᠨᠢᠬᠡ ᠳᠦᠷᠦᠯ  ᠤᠨ ᠦᠨᠳᠦᠰᠦᠨ ᠳᠦᠷᠢᠮ᠂ ᠳᠠᠷᠤᠢ ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ  ᠤᠨ ᠤᠷᠴᠢᠨ ᠳᠤᠭᠤᠷᠢᠨ ᠤ ᠬᠠᠮᠠᠭᠠᠯᠠᠯᠳᠠ  ᠶᠢᠨ ᠳᠦᠬᠦᠬᠡᠷᠦᠮᠵᠢ  ᠶᠢ ᠡᠷᠬᠡᠪᠰᠢ ᠭᠤᠤᠯ ᠰᠡᠳᠦᠪᠳᠤ ᠢᠨᠵᠧᠨᠧᠷᠢᠩ ᠲᠠᠢ  ᠵᠡᠷᠭᠡᠪᠡᠷ ᠳᠦᠯᠦᠪᠯᠡᠵᠤ᠂ ᠵᠡᠷᠬᠡᠪᠡᠷ ᠪᠠᠶᠢᠭᠤᠯᠵᠤ᠂ ᠵᠡᠷᠬᠡᠪᠡᠷ ᠠᠰᠢᠭᠯᠠᠯᠳᠠ ᠳᠤ ᠤᠷᠤᠭᠤᠯᠵᠤ ᠬᠡᠷᠡᠭᠯᠡᠬᠦ  ᠶᠢ ᠵᠢᠭᠠᠨ᠎ᠠ᠃25. ᠳᠤᠭᠠᠴᠢᠯᠠᠭᠰᠠᠨ ᠠᠵᠤ ᠠᠬᠤᠶᠢᠯᠠᠯ᠄ ᠰᠢᠨ᠎ᠡ ᠮᠡᠷᠬᠡᠵᠢᠯ  ᠢ ᠠᠵᠤ ᠠᠬᠤᠶᠢᠯᠠᠯ  ᠤᠨ ᠬᠡᠯᠪᠡᠷᠢ  ᠶᠢᠨ ᠬᠤᠪᠢᠷᠠᠯᠳᠠ ᠲᠠᠢ ᠤᠶᠠᠯᠳᠤᠭᠤᠯᠤᠨ ᠨᠢᠬᠡᠳᠬᠡᠵᠤ᠂ ᠦᠷᠢᠰᠦᠯᠳᠦᠬᠡᠨ  ᠤ ᠤᠨᠴᠠᠯᠢᠭ ᠲᠠᠢ ᠠᠵᠤ ᠠᠬᠤᠶᠢᠯᠠᠯ ᠪᠠᠶᠢᠭᠤᠯᠬᠤ ᠶᠢ ᠵᠢᠭᠠᠨ᠎ᠠ᠃ ᠭᠤᠤᠯ ᠠᠷᠭ᠎ᠠ ᠪᠠᠷᠢᠯ ᠨᠢ ᠪᠤᠯ᠄ ᠤᠳᠤᠬᠢᠴᠢᠯᠠᠭᠰᠠᠨ ᠺᠤᠮᠫᠢᠦ᠋ᠲ᠋ᠧᠷ  ᠤᠨ ᠳᠤᠤᠷ ᠰᠦᠯᠵᠢᠶᠡᠨ  ᠤ ᠮᠡᠷᠬᠡᠵᠢᠯ᠂ ᠳᠤᠭ᠎ᠠ ᠪᠠᠷᠢᠮᠳᠠ  ᠶᠢᠨ ᠬᠦᠮᠦᠷᠬᠡᠨ  ᠤ ᠮᠡᠷᠬᠡᠵᠢᠯ᠂ ᠡᠯᠺᠧᠲᠷᠤᠨ ᠬᠤᠳᠠᠯᠳᠤᠭᠠᠨ  ᠤ ᠶᠠᠪᠤᠳᠠᠯ  ᠤᠨ ᠮᠡᠷᠬᠡᠵᠢᠯ  ᠢ ᠠᠰᠢᠭᠯᠠᠨ᠂ ᠠᠵᠤ ᠠᠬᠤᠶᠢᠯᠠᠯ  ᠤᠨ ᠮᠡᠳᠡᠭᠡ  ᠵᠠᠩᠬᠢ ︵ᠦᠢᠯᠡᠳᠪᠦᠷᠢᠯᠡᠯ᠂ ᠬᠠᠩᠭᠠᠯᠳᠠ᠂ ᠪᠤᠷᠤᠯᠠᠭᠤᠯᠤᠯᠳᠠ᠂ ᠬᠦᠮᠦᠨ᠂ ᠡᠳ᠋  ᠂ ᠪᠤᠳᠠᠰ ᠵᠡᠷᠬᠡ︶   ᠶᠢ ᠳᠤᠭᠠᠴᠢᠯᠠᠬᠤ  ᠶᠢᠨ ᠬᠠᠮᠳᠤ᠂ ᠠᠵᠤ ᠠᠬᠤᠶᠢᠯᠠᠯ  ᠤᠨ ᠠᠵᠢᠯᠯᠠᠬᠤ ᠳᠤᠭᠳᠠᠴᠠ ᠪᠠ ᠵᠢᠮ᠎ᠡ ᠶᠤᠰᠤ ᠲᠠᠢ ᠨᠡᠶᠢᠯᠡᠬᠦᠯᠦᠨ᠂ ᠠᠵᠤ ᠠᠬᠤᠶᠢᠯᠠᠯ  ᠤᠨ ᠤᠳᠤᠬᠢ ᠪᠠᠶᠢᠳᠠᠯ  ᠤᠨ ᠶᠡᠷᠦᠩᠬᠡᠢ ᠬᠠᠮᠢᠶᠠᠷᠤᠯᠳᠠ  ᠶᠢᠨ ᠰᠢᠰᠲ᠋ᠧᠮ  ᠤᠨ ᠳᠠᠪᠴᠠᠩ ᠳᠤ ᠪᠦᠬᠦ ᠳᠠᠯ᠎ᠠ ᠪᠠᠷ ᠢᠯᠡᠷᠡᠬᠦᠯᠵᠤ᠂ ᠬᠠᠮᠤᠭ ᠡᠴᠦᠰ ᠲᠤᠨᠢ ᠠᠵᠤ ᠠᠬᠤᠶᠢᠯᠠᠯ  ᠤᠨ ᠡᠵᠡᠩᠨᠡᠯᠳᠡ  ᠶᠢᠨ ᠠᠵᠢᠯᠯᠠᠭ᠎ᠠ᠂ ᠬᠠᠮᠢᠶᠠᠷᠤᠯᠳᠠ ᠪᠠ ᠰᠢᠢᠳᠪᠦᠷᠢᠳᠤ ᠪᠤᠳᠤᠯᠭ᠎ᠠ ᠳᠤ ᠬᠦᠴᠦᠳᠡᠢ ᠳᠡᠮᠵᠢᠯᠬᠡ ᠪᠠ ᠰᠢᠰᠲ᠋ᠧᠮ  ᠤᠨ ᠦᠢᠯᠡᠴᠢᠯᠡᠭᠡ ᠬᠠᠩᠭᠠᠨ᠎ᠠ᠃26. ᠳᠤᠭᠠᠴᠢᠯᠠᠭᠰᠠᠨ ᠨᠡᠶᠢᠬᠡᠮ ᠳᠤᠭᠤᠷᠢᠭ᠄ ᠡᠯ᠎ᠡ ᠵᠦᠢᠯ  ᠤᠨ ᠮᠡᠳᠡᠭᠡ ᠵᠠᠩᠬᠢ  ᠶᠢᠨ ᠮᠡᠷᠬᠡᠵᠢᠯ ᠪᠠ ᠠᠷᠭ᠎ᠠ ᠪᠠᠷᠢᠯ  ᠢᠶᠠᠷ ᠨᠡᠶᠢᠬᠡᠮ ᠳᠤᠭᠤᠷᠢᠭ  ᠤᠨ ᠡᠬᠢ ᠪᠠᠶᠠᠯᠢᠭ  ᠢ ᠨᠢᠬᠡᠳᠬᠡᠵᠤ᠂ ᠨᠡᠶᠢᠬᠡᠮ ᠳᠤᠭᠤᠷᠢᠭ  ᠤᠨ ᠬᠡᠪᠴᠢᠶᠡᠨ ᠳᠤ ᠵᠠᠰᠠᠭ  ᠤᠨ ᠤᠷᠳᠤᠨ᠂ ᠠᠳᠠᠯ ᠠᠬᠤᠢ  ᠶᠢᠨ ᠦᠢᠯᠡᠴᠢᠯᠡᠬᠡᠨ  ᠤ ᠪᠠᠶᠢᠭᠤᠯᠤᠮᠵᠢ᠂ ᠰᠠᠭᠤᠭᠠᠯᠢ ᠠᠷᠠᠳ ᠪᠠ ᠡᠯ᠎ᠡ ᠵᠦᠢᠯ  ᠤᠨ ᠵᠠᠭᠤᠴᠢ ᠵᠤᠬᠢᠶᠠᠨ ᠪᠠᠶᠢᠭᠤᠯᠤᠯᠳᠠ  ᠶᠢᠨ ᠬᠤᠭᠤᠷᠤᠨᠳᠤ ᠬᠠᠷᠢᠯᠴᠠᠵᠤ ᠰᠤᠯᠢᠯᠴᠠᠬᠤ ᠵᠢᠴᠢ ᠦᠢᠯᠡᠴᠢᠯᠡᠬᠦ ᠳᠤᠤᠷ ᠰᠦᠯᠵᠢᠶᠡᠨ  ᠤ ᠳᠠᠪᠴᠠᠩ  ᠪᠠᠶᠢᠭᠤᠯᠬᠤ ᠶᠢ ᠵᠢᠭᠠᠨ᠎ᠠ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号