| ᠨᠢᠬᠡ᠂ 2013 ᠤᠨ ᠤ ᠠᠵᠢᠯ ᠤᠨ ᠡᠷᠬᠢᠴᠡᠬᠦᠯᠦᠯ | 2013 ᠤᠨ ᠪᠤᠯ ᠮᠠᠨ ᠤ ᠬᠤᠰᠢᠭᠤ ᠲᠠᠷᠤᠯᠳᠠ ᠶᠢᠨ ᠡᠮᠦᠨ᠎ᠡ ᠲᠤᠬᠢᠶᠠᠯ ᠢ ᠠᠳᠬᠤᠵᠤ᠂ ᠬᠦᠴᠢᠷᠳᠡᠯ ᠤᠨ ᠲᠤᠮᠳᠠ | ᠰᠢᠪᠳᠦᠯᠦᠯᠳᠡ ᠶᠢ ᠡᠷᠢᠯᠬᠢᠯᠡᠨ᠂ ᠤᠷᠤᠭᠰᠢ ᠦᠬᠡᠢ ᠪᠠᠶᠢᠳᠠᠯ ᠳᠤ ᠰᠠᠨᠠᠭᠠᠴᠢᠯᠠᠭ᠎ᠠ ᠶᠢ ᠤᠯᠤᠭᠰᠠᠨ ᠨᠢᠬᠡ ᠵᠢᠯ | ᠪᠤᠯᠤᠨ᠎ᠠ᠃ ᠠᠵᠤ ᠠᠬᠤᠢ ᠶᠢᠨ ᠤᠷᠤᠭᠤᠳᠠᠬᠤ ᠲᠠᠷᠤᠭᠠᠰᠤ ᠬᠦᠨᠳᠦ᠂ ᠠᠵᠤ ᠤᠶᠢᠯᠡᠰ ᠤᠨ ᠪᠦᠳᠦᠴᠡ ᠶᠢᠨ | ᠴᠢᠨᠠᠷᠳᠠᠢ ᠵᠦᠷᠢᠴᠡᠯ ᠲᠤᠪᠤᠶᠢᠮ᠎ᠠ ᠵᠡᠷᠬᠡ ᠠᠯᠢ ᠤᠯᠠᠨ ᠬᠦᠴᠢᠷᠳᠡᠯ ᠤᠨ ᠡᠮᠦᠨ᠎ᠡ᠂ ᠪᠢᠳᠡ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ | ᠲᠤᠤᠷ᠎ᠠ᠂ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠢ ᠪᠦᠯᠬᠦᠮᠳᠡᠬᠦᠯᠦᠨ ᠲᠠᠶᠢᠴᠢᠯᠠᠵᠤ᠂ | ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠪᠦᠬᠦ ᠲᠠᠯ᠎ᠠ ᠶᠢ ᠡᠵᠡᠮᠳᠡᠨ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠪᠠ ᠦᠪᠡᠷᠳᠡᠬᠡᠨ ᠵᠠᠰᠠᠬᠤ ᠤᠷᠤᠨ ᠤ 《8337》 | ᠬᠦᠭᠵᠢᠯᠳᠡ ᠶᠢᠨ ᠰᠡᠳᠬᠢᠴᠡ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠦᠴᠦᠨ ᠢᠶᠠᠷ ᠨᠡᠮᠡᠭᠳᠡᠯ | ᠢ ᠪᠠᠳᠤᠯᠠᠨ᠂ ᠪᠦᠳᠦᠴᠡ ᠶᠢ ᠲᠤᠬᠢᠷᠠᠭᠤᠯᠵᠤ᠂ ᠠᠷᠠᠳ ᠤᠨ ᠠᠮᠢᠳᠤᠷᠠᠯ ᠢ ᠬᠠᠷᠠᠭᠠᠯᠵᠠᠨ᠂ ᠡᠶ᠎ᠡ ᠵᠤᠬᠢᠴᠠᠩᠭᠤᠢ ᠶᠢ | ᠠᠬᠢᠭᠤᠯᠵᠤ᠂ ᠲᠤᠭᠳᠠᠭᠠᠭᠰᠠᠨ ᠬᠠᠷᠠᠯᠳᠠ ᠡᠬᠦᠷᠬᠡ ᠪᠠᠨ ᠨᠡᠯᠢᠶᠡᠳ ᠰᠠᠶᠢᠨ ᠪᠡᠶᠡᠯᠡᠬᠦᠯᠦᠨ᠂ ᠡᠯ᠎ᠡ ᠲᠦᠷᠦᠯ ᠤᠨ | ᠠᠵᠢᠯ ᠦᠢᠯᠡᠰ ᠰᠢᠨ᠎ᠡ ᠬᠢᠷᠢ ᠪᠦᠳᠦᠮᠵᠢ ᠶᠢ ᠤᠯᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ | ᠶᠠᠪᠤᠴᠠ ᠳᠠᠬᠢ ᠢᠳᠡᠷᠡᠬᠦᠨ ᠠᠯᠬᠤᠮ ᠢ ᠠᠯᠬᠤᠭᠰᠠᠨ ᠶᠤᠮ᠃ ᠪᠦᠬᠦ ᠬᠤᠰᠢᠭᠤᠨ ᠤ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ 155.7 ᠳ᠋ᠦᠩᠰᠢᠭᠤᠷ ᠲᠦᠬᠦᠷᠢᠭ ᠲᠤ ᠬᠦᠷᠴᠦ᠂ 10% ᠪᠠᠷ | ᠨᠡᠮᠡᠭᠳᠡᠪᠡ︔ ᠡᠳ᠋ ᠤᠨ ᠵᠠᠰᠠᠭ ᠤᠨ ᠤᠷᠤᠯᠭ᠎ᠠ ᠶᠢ 28.5 ᠳ᠋ᠦᠩᠰᠢᠭᠤᠷ ᠲᠦᠬᠦᠷᠢᠭ ᠪᠡᠶᠡᠯᠡᠬᠦᠯᠵᠦ᠂ 10.5% | ᠪᠠᠷ ᠨᠡᠮᠡᠭᠳᠡᠪᠡ︔ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠤᠷᠤᠭᠤᠯᠤᠯᠳᠠ ᠶᠢ 133 ᠳ᠋ᠦᠩᠰᠢᠭᠤᠷ | ᠲᠦᠬᠦᠷᠢᠭ ᠪᠡᠶᠡᠯᠡᠬᠦᠯᠦᠨ᠂ 30.1% ᠪᠠᠷ ᠨᠡᠮᠡᠭᠳᠡᠪᠡ︔ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ | ᠪᠦᠷᠢ ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ ᠪᠤᠯᠤᠨ ᠮᠠᠯᠴᠢᠨ ᠲᠠᠷᠢᠶᠠᠴᠢᠨ ᠤ ᠬᠦᠮᠦᠨ ᠪᠦᠷᠢ ᠳᠤ | ᠲᠡᠭᠰᠢᠳᠭᠡᠭᠰᠡᠨ ᠴᠡᠪᠡᠷ ᠤᠷᠤᠯᠭ᠎ᠠ 26629 ᠲᠦᠬᠦᠷᠢᠭ ᠪᠠ 11122 ᠲᠦᠬᠦᠷᠢᠭ ᠲᠤ ᠬᠦᠷᠴᠤ᠂ ᠲᠤᠰᠪᠤᠷᠢ 9. | 6% ᠪᠠ 13.1% ᠪᠠᠷ ᠨᠡᠮᠡᠭᠳᠡᠪᠡ᠃ ᠲᠦᠮᠡᠨ ᠲᠦᠬᠦᠷᠢᠭ GDP ᠶᠢᠨ ᠡᠨᠧᠷᠬᠢ ᠶᠢᠨ ᠬᠤᠷᠤᠭᠳᠠᠯ ᠵᠢᠴᠢ | ᠭᠤᠤᠯ ᠪᠤᠬᠢᠷᠳᠤᠯ ᠡᠳ᠋ ᠤᠨ ᠭᠠᠳᠠᠭᠰᠢᠯᠠᠭᠤᠯᠤᠯᠳᠠ ᠶᠢ ᠲᠡᠭᠡᠷ᠎ᠡ ᠱᠠᠳᠤᠨ ᠠᠴᠠ ᠱᠠᠭᠠᠷᠳᠠᠭᠰᠠᠨ ᠭᠡᠪᠴᠢᠶᠠᠨ | ᠲᠤᠳᠤᠷ᠎ᠠ ᠭᠢᠵᠠᠭᠠᠷᠯᠠᠪᠠ᠃ | ︵ᠨᠢᠬᠡ︶ ᠲᠠᠷᠢᠶᠠᠯᠠᠩ ᠮᠠᠯ ᠠᠵᠤ ᠠᠬᠤᠢ ᠯᠠᠪᠳᠠᠭᠤᠨ ᠢᠶᠠᠷ ᠬᠦᠭᠵᠢᠪᠡ᠃ ᠪᠦᠬᠦ ᠬᠤᠰᠢᠭᠤᠨ ᠤ ᠲᠠᠷᠢᠮᠠᠯ ᠤᠨ | ᠨᠡᠶᠢᠳᠡ ᠲᠠᠯᠠᠪᠠᠢ 27 ᠲᠦᠮᠡᠨ ᠮᠤ᠋ ᠪᠠᠶᠢᠵᠤ᠂ ᠠᠮᠤ ᠪᠤᠳᠠᠭᠠᠨ ᠤ ᠪᠦᠬᠦ ᠭᠠᠷᠤᠯᠳᠠ ᠶᠢᠨ ᠬᠡᠮᠵᠢᠶ᠎ᠡ 1.2 | ᠳ᠋ᠦᠩᠰᠢᠭᠤᠷ ᠺᠢᠯᠤᠭ᠍ᠷᠠᠮ ᠳᠤ ᠬᠦᠷᠪᠡ᠃ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ | ᠬᠡᠷᠡᠭᠯᠡᠵᠦ ᠨᠦᠬᠦᠪᠦᠷᠢᠯᠡᠬᠦ ᠶᠢ ᠲᠡᠩᠴᠡᠬᠦᠷᠢᠰᠢᠬᠦᠯᠬᠦ ᠠᠵᠢᠯ ᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠨ ᠭᠠᠵᠠᠷ ᠢ | 1.9 ᠲᠦᠮᠡᠨ ᠮᠤ᠋ ᠪᠠᠭᠠᠰᠬᠠᠵᠤ᠂ ᠬᠤᠳᠳᠤᠭ ᠢᠶᠠᠷ ᠤᠰᠤᠯᠠᠬᠤ ᠤᠷᠤᠨ ᠤ 30 ᠬᠤᠳᠳᠤᠭ ᠢ ᠪᠢᠳᠡᠬᠦᠮᠵᠢᠯᠡᠪᠡ᠃ | 15 ᠲᠦᠮᠡᠨ ᠮᠤ᠋ ᠭᠠᠵᠠᠷ ᠲᠤ ᠨᠠᠶᠢᠷᠠᠯᠭ᠎ᠠ ᠲᠠᠢ ᠪᠤᠷᠳᠤᠭᠤᠷ ᠤᠷᠤᠭᠤᠯᠬᠤ ᠶᠢ ᠲᠡᠯᠬᠡᠷᠡᠬᠦᠯᠦᠨ ᠬᠡᠷᠡᠭᠯᠡᠵᠦ᠂ ᠪᠤᠭᠤᠳᠠᠢ | ᠂ ᠡᠷᠳᠡᠨᠢ ᠰᠢᠰᠢ᠂ ᠬᠦᠪᠦᠩ ᠵᠡᠷᠬᠡ ᠦᠨᠳᠦᠷ ᠤᠨᠠᠯᠳᠠ ᠲᠠᠢ ᠵᠢᠱᠢᠶ᠎ᠠ ᠦᠵᠡᠬᠦᠯᠬᠦ ᠲᠠᠯᠠᠪᠠᠢ 5.8 ᠲᠦᠮᠡᠨ ᠮᠤ᠋ ᠳᠤ | ᠬᠦᠷᠪᠡ᠃ ᠭᠠᠮᠳᠠᠢ ᠣᠰᠣᠯᠠᠬᠤ ᠮᠡᠷᠬᠡᠵᠢᠯ ᠢᠶᠠᠷ 8.4 ᠲᠦᠮᠡᠨ ᠮᠤ᠋ ᠲᠠᠷᠢᠶᠠᠨ ᠭᠠᠵᠠᠷ ᠢ ᠦᠭᠡᠷᠡᠴᠢᠯᠡᠵᠦ᠂ ᠭᠠᠮᠳᠠᠢ | ᠤᠰᠤᠯᠠᠬᠤ ᠲᠠᠯᠠᠪᠠᠢ ᠰᠢᠨ᠎ᠡ ᠪᠠᠷ 2.6 ᠲᠦᠮᠡᠨ ᠮᠤ᠋ ᠨᠡᠮᠡᠭᠳᠡᠪᠡ᠃ ᠲᠦᠬᠦᠬᠡᠷᠦᠮᠵᠢᠳᠦ ᠲᠠᠷᠢᠶᠠᠯᠠᠩ ᠪᠤᠯᠤᠨ | ᠤᠨᠴᠠᠯᠢᠭᠳᠤ ᠡᠯᠡᠰᠦᠨ ᠤ ᠠᠵᠤ ᠤᠶᠢᠯᠡᠰ ᠢ ᠶᠡᠬᠡᠪᠡᠷ ᠬᠦᠭᠵᠢᠬᠦᠯᠵᠦ᠂ 150 ᠰᠠᠣᠷᠢ ᠲᠤᠯᠠᠭᠠᠨ ᠬᠦᠯᠡᠮᠵᠢ ᠶᠢ | ᠰᠢᠨ᠎ᠡ ᠪᠠᠷ ᠪᠠᠶᠢᠭᠤᠯᠤᠨ᠂ 215 ᠰᠠᠤᠷᠢ ᠬᠦᠯᠡᠮᠵᠢ ᠳᠤ ᠬᠦᠮᠡᠯᠢ ᠲᠠᠷᠢᠬᠤ ᠪᠠ 251 ᠮᠤ᠋ ᠲᠠᠷᠢᠶᠠᠨ ᠭᠠᠵᠠᠷ ᠲᠤ | ᠭᠦᠮᠡᠯᠢ ᠲᠠᠷᠢᠬᠤ ᠶᠢ ᠲᠦᠬᠡᠮᠡᠯᠵᠢᠬᠦᠯᠵᠦ᠂ ᠬᠦᠮᠡᠯᠢ ᠶᠢᠨ ᠵᠢᠯ ᠤᠨ ᠭᠠᠷᠤᠯᠳᠠ 186 ᠲᠦᠮᠡᠨ ᠵᠢᠩ ᠳᠤ ᠬᠦᠷᠪᠡ᠃ | 6 ᠲᠦᠮᠡᠨ ᠮᠤ᠋ ᠴᠠᠭᠠᠨ ᠭᠤᠶᠤᠤ᠂ 1.5 ᠲᠦᠮᠡᠨ ᠮᠤ᠋ ᠤᠯᠠᠭᠠᠨ ᠭᠤᠶᠤᠤ ᠲᠠᠷᠢᠪᠠ᠃ ᠮᠠᠯ ᠠᠵᠤ ᠠᠬᠤᠢ | ᠡᠷᠡᠬᠦᠯ ᠢᠶᠠᠷ ᠬᠦᠭᠵᠢᠬᠦ ᠪᠠᠨ ᠪᠠᠳᠤᠯᠠᠨ᠂ ᠵᠢᠷᠭᠤᠳᠤᠭᠠᠷ ᠰᠠᠷ᠎ᠠ ᠶᠢᠨ ᠡᠴᠤᠰ ᠤᠨ ᠮᠠᠯ ᠤᠨ ᠨᠡᠶᠢᠳᠡ ᠲᠤᠭ᠎ᠠ | 121 ᠲᠦᠮᠡᠨ ᠲᠤᠯᠤᠭᠠᠢ ᠳᠤ ᠬᠦᠷᠴᠦ᠂ ᠲᠠᠷᠢᠶᠠᠯᠠᠬᠤ ᠤᠷᠤᠨ ᠤ ᠬᠠᠰᠢᠶᠠᠯᠠᠨ ᠲᠡᠵᠢᠬᠡᠭᠰᠡᠨ ᠮᠠᠯ ᠤᠨ ᠲᠤᠭ᠎ᠠ | 66 ᠲᠦᠮᠡᠨ ᠲᠤᠯᠤᠭᠠᠢ ᠳᠤ ᠬᠦᠷᠪᠡ᠃ ᠰᠢᠨ᠎ᠡ ᠪᠠᠷ ᠨᠡᠮᠡᠭᠳᠡᠭᠰᠡᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠯᠳᠡ ᠶᠢᠨ 3 ᠲᠤᠯᠤᠭᠠᠶᠢᠯᠠᠭᠴᠢ ᠠᠵᠤ ᠠᠬᠤᠶᠢᠯᠠᠯ ᠢ ᠲᠡᠳᠬᠦᠨ᠂ ᠱᠧᠩ ᠮᠤ᠋ ᠭᠤᠤ ᠺᠧ ᠵᠡᠷᠬᠡ ᠨᠢᠬᠡ | ᠪᠦᠯᠦᠭ ᠪᠡᠯᠡ ᠤᠷᠤᠭᠤᠯᠤᠯᠳᠠ ᠶᠢᠨ ᠬᠡᠪᠴᠢᠶ᠎ᠡ ᠶᠡᠭᠡ᠂ ᠲᠠᠭᠠᠭᠤᠯᠬᠤ ᠴᠢᠳᠠᠪᠤᠷᠢ ᠴᠢᠩᠭ᠎ᠠ᠂ ᠠᠵᠤ ᠠᠬᠤᠢ ᠶᠢᠨ | ᠦᠷ᠎ᠡ ᠠᠰᠢᠭ ᠰᠠᠶᠢᠨ ᠴᠢᠬᠤᠯᠠ ᠶᠡᠭᠡ ᠠᠵᠤ ᠦᠢᠯᠡᠰᠵᠢᠯᠳᠡ ᠶᠢᠨ ᠲᠤᠯᠤᠭᠠᠶᠢᠯᠠᠭᠴᠢ ᠲᠦᠷᠦᠯ ᠵᠤᠶᠢᠯ | ᠨᠠᠶᠢᠳᠠᠪᠤᠷᠢᠵᠢᠨ ᠬᠡᠷᠡᠭᠵᠢᠬᠦᠯᠦᠭᠳᠡᠪᠡ᠃ ᠮᠠᠯᠵᠢᠬᠤ ᠲᠠᠷᠢᠶᠠᠯᠠᠬᠤ ᠤᠷᠤᠨ ᠤ ᠠᠵᠤ ᠠᠬᠤᠢ ᠶᠢᠨ ᠬᠤᠷᠰᠢᠶᠠᠵᠢᠯ ᠤᠨ | ᠵᠤᠬᠢᠶᠠᠨ ᠪᠠᠶᠢᠭᠤᠯᠤᠯᠳᠠ ᠶᠢ ᠪᠦᠬᠦ ᠬᠦᠴᠦᠨ ᠢᠶᠠᠷ ᠬᠦᠮᠦᠵᠢᠬᠦᠯᠦᠨ᠂ 43 ᠡᠷᠦᠬᠡ ᠮᠠᠯᠴᠢᠨ ᠲᠠᠷᠢᠶᠠᠴᠢᠨ ᠤ | ᠲᠤᠰᠬᠠᠢ ᠬᠤᠷᠰᠢᠶᠠᠵᠢᠯ ᠰᠢᠨ᠎ᠡ ᠪᠠᠷ ᠨᠡᠮᠡᠭᠳᠡᠨ᠂ ᠪᠦᠬᠦ ᠬᠤᠰᠢᠭᠤᠨ ᠤ ᠬᠤᠷᠰᠢᠶᠠᠵᠢᠯ ᠤᠨ ᠶᠡᠷᠦᠩᠬᠡᠢ ᠲᠤᠭ᠎ᠠ 117 | ᠡᠷᠦᠬᠡ ᠪᠤᠯᠪᠠ᠃ ᠠᠯᠠᠱᠠ ᠶᠢᠨ ᠬᠡᠳᠦ ᠴᠠᠭᠠᠨ ᠨᠤᠯᠤᠤᠷᠳᠤ ᠢᠮᠠᠭᠠᠨ ᠤ ᠠᠵᠤ ᠤᠶᠢᠯᠡᠰ ᠢ ᠢᠳᠡᠪᠬᠢᠳᠡᠢ | ᠬᠦᠭᠵᠢᠬᠦᠯᠵᠦ᠂ ᠠᠯᠠᠱᠠ ᠬᠤᠤᠰ ᠪᠦᠬᠦᠳᠦ ᠲᠡᠮᠡᠬᠡᠨ ᠤ ᠠᠵᠤ ᠦᠢᠯᠡᠰ ᠢ ᠬᠠᠮᠠᠭᠠᠯᠠᠵᠤ ᠨᠡᠬᠡᠬᠡᠨ ᠬᠦᠭᠵᠢᠬᠦᠯᠬᠦ | ᠡᠷᠴᠢᠮ ᠢᠶᠠᠨ ᠴᠢᠩᠭᠠᠷᠠᠭᠤᠯᠪᠠ᠃ ᠠᠯᠠᠱᠠ ᠶᠢᠨ ᠴᠠᠭᠠᠨ ᠭᠤᠶᠤᠤ᠂ ᠤᠯᠠᠭᠠᠨ ᠭᠤᠶᠤᠤ ᠨᠢ ᠤᠯᠤᠰ ᠤᠨ ᠤᠭ | ᠭᠠᠷᠤᠯᠳᠠ ᠶᠢᠨ ᠤᠷᠤᠨ ᠤ ᠭᠠᠵᠠᠷ ᠵᠦᠢ ᠶᠢᠨ ᠲᠡᠮᠳᠡᠭ ᠤᠨ ᠭᠡᠷᠡᠴᠢᠯᠡᠯᠳᠡ ᠶᠢ ᠤᠯᠤᠭᠰᠠᠨ ᠪᠠᠶᠢᠨ᠎ᠠ᠃ ᠮᠠᠯᠴᠢᠨ | ᠲᠠᠷᠢᠶᠠᠴᠢᠳ ᠢ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ | ᠨᠦᠬᠦᠪᠦᠷᠢ ᠮᠦᠩᠬᠦ ᠶᠢ 4.3 ᠳ᠋ᠦᠩᠰᠢᠭᠤᠷ ᠲᠦᠬᠦᠷᠢᠭ ᠨᠠᠶᠢᠳᠠᠪᠤᠷᠢᠵᠢᠭᠤᠯᠤᠨ᠂ ᠪᠦᠬᠦ ᠬᠤᠰᠢᠭᠤᠨ ᠤ 4.7 | ᠲᠦᠮᠡᠨ ᠮᠠᠯᠴᠢᠨ ᠲᠠᠷᠢᠶᠠᠴᠢᠳ ᠲᠤ ᠠᠰᠢᠭ ᠬᠦᠷᠳᠡᠬᠡᠪᠡ᠃ | ︵ᠬᠤᠶᠠᠷ︶ ᠠᠵᠤ ᠦᠢᠯᠡᠳᠪᠦᠷᠢ ᠶᠢᠨ ᠠᠵᠤ ᠠᠬᠤᠢ ᠲᠤᠭᠳᠠᠭᠤᠨ ᠢᠶᠠᠷ ᠠᠬᠢᠪᠠ᠃ ᠠᠵᠤ ᠠᠬᠤᠶᠢᠯᠠᠯ | ᠦᠢᠯᠡᠳᠪᠦᠷᠢᠯᠡᠯ ᠢᠶᠠᠨ ᠡᠬᠢᠯᠡᠬᠦᠯᠬᠦ ᠪᠠᠷ ᠬᠦᠷᠦᠯᠴᠡᠬᠦ ᠦᠬᠡᠢ᠂ ᠦᠢᠯᠡᠳᠬᠦᠨ ᠤ ᠦᠨ᠎ᠡ ᠬᠠᠩᠰᠢ ᠪᠠᠭᠤᠷᠠᠬᠤ᠂ | ᠦᠢᠯᠡᠳᠬᠦᠨ ᠤ ᠪᠤᠷᠤᠯᠠᠭᠤᠯᠭ᠎ᠠ ᠮᠠᠭᠤ ᠵᠡᠷᠬᠡ ᠠᠰᠢᠭ ᠦᠬᠡᠢ ᠨᠦᠯᠦᠬᠡᠨ ᠲᠤᠤᠷ᠎ᠠ᠂ ᠨᠡᠶᠢᠳᠡ 8 ᠲᠦᠷᠦᠯ ᠢ | ᠦᠬᠡᠶᠢᠰᠬᠡᠨ᠂ 6 ᠲᠦᠷᠦᠯ ᠢ ᠬᠡᠯᠳᠦᠷᠢᠬᠦᠯᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ 3 | ᠲᠦᠷᠦᠯ ᠤᠨ ᠰᠦᠢᠳᠬᠡᠯ ᠢ ᠪᠠᠭᠠᠰᠬᠠᠬᠤ᠂ 4889 ᠲᠦᠮᠡᠨ ᠲᠦᠬᠦᠷᠢᠭ ᠤᠨ ᠨᠡᠬᠦᠷᠡᠰᠦᠨ ᠠᠭᠤᠷᠬᠠᠢ ᠶᠢᠨ ᠲᠠᠬᠢᠨ | ᠦᠢᠯᠡᠳᠪᠦᠷᠢᠯᠡᠬᠦ ᠰᠦᠢᠳᠬᠡᠯ ᠪᠠ ᠨᠡᠬᠦᠷᠡᠰᠦᠨᠠᠭᠤᠷᠬᠠᠢ ᠶᠢᠨ ᠡᠬᠢ ᠪᠠᠶᠠᠯᠢᠭ ᠤᠨ ᠨᠦᠬᠦᠪᠦᠷᠢ ᠰᠦᠢᠳᠬᠡᠯ | ᠬᠤᠷᠢᠶᠠᠬᠤ ᠶᠢ ᠲᠦᠷ ᠵᠤᠭᠰᠤᠭᠠᠬᠤ᠂ ᠭᠤᠤᠯᠳᠠᠯᠭ᠎ᠠ ᠲᠠᠢ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠳᠤ 317.9 | ᠲᠦᠮᠡᠨ ᠲᠦᠬᠦᠷᠢᠭ ᠤᠨ ᠴᠠᠬᠢᠯᠭᠠᠨ ᠤ ᠰᠦᠢᠳᠬᠡᠯ ᠤᠨ ᠨᠦᠬᠦᠪᠦᠷᠢ ᠤᠯᠭᠤᠬᠤ᠂ 11ᠠᠵᠤ ᠠᠬᠤᠶᠢᠯᠠᠯ ᠳᠤ | ᠤᠷᠴᠢᠨ ᠲᠤᠭᠤᠷᠢᠨ ᠢ ᠬᠠᠮᠠᠭᠠᠯᠠᠬᠤ᠂ ᠡᠨᠧᠷᠬᠢ ᠠᠷᠪᠢᠯᠠᠬᠤ ᠪᠤᠯᠤᠨ ᠮᠡᠷᠬᠡᠵᠢᠯ ᠲᠡᠬᠡᠭᠰᠢᠯᠡᠬᠦᠯᠬᠦ ᠵᠡᠷᠬᠡ ᠪᠡᠯᠡ ᠮᠦᠩᠬᠦ | ᠶᠢ 3093 ᠲᠦᠮᠡᠨ ᠲᠦᠬᠦᠷᠢᠭ ᠨᠠᠶᠢᠳᠠᠪᠤᠷᠢᠵᠢᠭᠤᠯᠬᠤ᠂ 43 ᠠᠵᠤ ᠠᠬᠤᠶᠢᠯᠠᠯ ᠢ ᠲᠡᠮᠵᠢᠨ 23 ᠳ᠋ᠦᠩᠰᠢᠭᠤᠷ | ᠲᠦᠬᠦᠷᠢᠭ ᠵᠢᠬᠡᠯᠡᠯᠬᠡ ᠶᠢᠨ ᠪᠡᠯᠡ ᠮᠦᠩᠬᠦ ᠬᠤᠷᠠᠮᠳᠤᠭᠤᠯᠬᠤ ᠵᠡᠷᠬᠡ ᠰᠢᠷᠢᠰ ᠠᠷᠭ᠎ᠠ ᠬᠡᠮᠵᠢᠶ᠎ᠡ ᠠᠪᠴᠤ᠂ ᠠᠵᠤ | ᠠᠬᠤᠶᠢᠯᠠᠯ ᠤᠨ ᠲᠠᠷᠤᠭᠠᠰᠤ ᠶᠢ ᠬᠦᠩᠭᠡᠷᠡᠬᠦᠯᠤᠨ᠂ ᠠᠵᠤ ᠠᠬᠤᠶᠢᠯᠠᠯ ᠢ ᠬᠠᠪᠰᠦᠷᠤᠨ ᠬᠦᠴᠢᠷ ᠪᠡᠷᠬᠡ ᠶᠢ ᠢᠯᠡᠨ | ᠲᠠᠪᠠᠵᠤ᠂ ᠬᠦᠭᠵᠢᠯᠳᠡ ᠶᠢᠨ ᠢᠳᠡᠪᠬᠢ ᠬᠦᠴᠦᠨ ᠢ ᠨᠡᠮᠡᠭᠳᠡᠬᠦᠯᠪᠡ᠃ ᠬᠠᠮᠢᠶᠠᠷᠤᠯᠳᠠ ᠶᠢᠨ ᠲᠤᠭᠳᠠᠯᠴᠠᠭ᠎ᠠ ᠶᠢ ᠤᠯᠠᠮ | ᠨᠢᠬᠡ ᠠᠯᠬᠤᠮ ᠰᠢᠯᠦᠭᠤᠳᠬᠠᠵᠤ᠂ ᠦᠪᠡᠷᠳᠡᠬᠡᠨ ᠵᠠᠰᠠᠬᠤ ᠤᠷᠤᠨ ᠤ ᠲᠠᠰ ᠤᠨ ᠲᠡᠭᠷᠢ ᠶᠢᠨ ᠠᠵᠤ ᠠᠬᠤᠢ ᠶᠢᠨ | ᠮᠡᠷᠬᠡᠵᠢᠯ ᠤᠨ ᠨᠡᠬᠡᠬᠡᠯᠳᠡ ᠶᠢᠨ ᠤᠷᠤᠨ ᠢ ᠪᠠᠶᠢᠭᠤᠯᠤᠨ᠂ ᠨᠢᠬᠡ ᠴᠤᠭᠴᠠᠵᠢᠭᠤᠯᠤᠨ ᠬᠦᠭᠵᠢᠬᠦᠯᠬᠦ ᠶᠢ ᠪᠡᠶᠡᠯᠡᠬᠦᠯᠪᠡ᠃ | ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠤᠨ᠂ ᠠᠵᠤ ᠦᠢᠯᠡᠳᠪᠦᠷᠢ ᠶᠢᠨ ᠲᠤᠭᠤᠷᠢᠭ ᠤᠨ ᠲᠦᠬᠦᠷ | ᠦᠢᠯᠡᠴᠢᠯᠡᠬᠡᠨ ᠤ ᠴᠢᠳᠠᠪᠤᠷᠢ ᠶᠢ ᠬᠦᠴᠦᠯᠡᠨ ᠲᠡᠭᠡᠭᠰᠢᠯᠡᠬᠦᠯᠪᠡ᠃ 1.8 ᠳ᠋ᠦᠩᠰᠢᠭᠤᠷ ᠲᠦᠬᠦᠷᠢᠭ ᠤᠨ ᠪᠡᠯᠡ | ᠤᠷᠤᠭᠤᠯᠤᠨ ᠲᠡᠭᠷᠢ ᠶᠢᠨ ᠠᠵᠤ ᠦᠢᠯᠡᠳᠪᠦᠷᠢ ᠶᠢᠨ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠤᠶᠢᠯᠡᠳᠪᠦᠷᠢ | ᠶᠢ ᠦᠬᠡᠷᠡᠴᠢᠯᠡᠨ ᠵᠠᠰᠠᠬᠤ᠂ ᠤᠰᠤ ᠴᠡᠪᠡᠷᠰᠢᠬᠦᠯᠬᠦ ᠦᠢᠯᠡᠳᠪᠦᠷᠢ ᠶᠢ ᠦᠷᠬᠦᠯᠵᠢᠯᠡᠨ ᠪᠠᠶᠢᠭᠤᠯᠬᠤ᠂ ᠦᠢᠯᠡᠳᠪᠦᠷᠢᠯᠡᠯ | ᠤᠨ ᠲᠦᠬᠦᠷ ᠦᠢᠯᠡᠴᠢᠯᠡᠬᠡᠨ ᠤ ᠲᠦᠪ ᠤᠨ ᠵᠠᠮ ᠤᠨ ᠪᠦᠳᠦᠬᠡᠨ ᠪᠠᠶᠢᠭᠤᠯᠤᠯᠳᠠ ᠪᠤᠯᠤᠨ ᠬᠠᠳᠠᠭᠤ ᠪᠡᠶᠡᠳᠦ | ᠬᠠᠶᠠᠭᠳᠠᠮᠠᠯ ᠪᠤᠳᠠᠰ ᠢ ᠰᠢᠢᠳᠪᠦᠷᠢᠯᠡᠬᠦ ᠵᠡᠷᠬᠡ ᠰᠠᠭᠤᠷᠢ ᠲᠦᠬᠦᠭᠡᠷᠦᠮᠵᠢ ᠪᠠ ᠤᠷᠴᠢᠨ ᠲᠤᠭᠤᠷᠢᠨ ᠢ ᠶᠡᠷᠦᠩᠬᠡᠶᠢᠯᠡᠨ | ᠵᠠᠰᠠᠬᠤ ᠢᠨᠵᠧᠨᠧᠷᠢᠩ ᠢ ᠬᠡᠷᠡᠭᠵᠢᠬᠦᠯᠪᠡ︔ 2.3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ ᠤᠯᠠᠨᠪᠤᠯᠠᠭ | ᠤᠨ ᠠᠵᠤ ᠤᠶᠢᠯᠡᠰ ᠤᠨ ᠲᠤᠭᠤᠷᠢᠭ ᠤᠨ ᠬᠤᠳᠠ ᠶᠢᠨ ᠵᠠᠮ᠂ ᠤᠰᠤ ᠬᠠᠩᠭᠠᠬᠤ᠂ ᠨᠤᠭᠤᠭᠠᠷᠠᠭᠤᠯᠤᠯᠳᠠ᠂ ᠴᠢᠮᠡᠭᠡ | ᠨᠡᠪᠳᠡᠷᠡᠬᠦᠯᠬᠡ ᠵᠡᠷᠬᠡ ᠢᠨᠵᠧᠨᠧᠷᠢᠩ ᠢ ᠬᠡᠷᠡᠭᠵᠢᠬᠦᠯᠪᠡ︔ ᠪᠠᠶᠠᠨᠨᠢᠷᠤᠭᠤᠨ ᠤ ᠪᠤᠷᠵᠢᠨ ᠴᠢᠯᠠᠭᠤᠯᠢᠭ ᠤᠨ | ᠠᠭᠤᠷᠬᠠᠢ ᠶᠢᠨ ᠤᠷᠤᠨ ᠤ ᠵᠠᠮ ᠢ ᠵᠠᠰᠠᠨ ᠰᠠᠶᠢᠵᠢᠷᠠᠭᠤᠯᠪᠠ︔ 2 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ | ᠪᠠᠶᠠᠨᠬᠤᠳᠠ ᠶᠢᠨ ᠤᠷᠴᠢᠨ ᠠᠬᠤᠢ ᠶᠢ ᠬᠠᠮᠠᠭᠠᠯᠠᠬᠤ ᠮᠠᠶ᠋ᠢᠭ ᠤᠨ ᠠᠵᠤ ᠤᠶᠢᠯᠡᠳᠪᠦᠷᠢ ᠶᠢᠨ ᠤᠷᠤᠨ ᠤ ᠤᠰᠤ᠂ | ᠴᠠᠬᠢᠯᠭᠠᠨ᠂ ᠵᠠᠮ᠂ ᠢᠯᠴᠢ ᠬᠠᠩᠭᠠᠬᠤ᠂ ᠰᠢᠳᠠᠮᠠᠬᠠᠢ ᠬᠡᠢ ᠬᠠᠩᠭᠠᠬᠤ ᠵᠡᠷᠬᠡ ᠢᠨᠵᠧᠨᠧᠷᠢᠩ ᠢ ᠬᠡᠷᠡᠭᠵᠢᠬᠦᠯᠪᠡ᠃ | ᠡᠯ᠎ᠡ ᠤᠷᠤᠨ ᠲᠤᠭᠤᠷᠢᠭ ᠤᠨ ᠲᠦᠬᠦᠷ ᠲᠦᠬᠦᠬᠡᠷᠦᠮᠵᠢ ᠶᠢᠨ ᠴᠢᠳᠠᠪᠬᠢ ᠤᠯᠠᠮ ᠨᠢᠬᠡ ᠠᠯᠬᠤᠮ ᠲᠡᠬᠦᠯᠳᠡᠷᠵᠢᠨ᠂ | ᠲᠠᠭᠠᠭᠠᠴᠠ ᠶᠢᠨ ᠴᠢᠳᠠᠪᠤᠷᠢ ᠴᠢᠩᠭᠠᠷᠠᠪᠠ᠃ ᠴᠡᠪᠡᠷ ᠡᠨᠧᠷᠬᠢ᠂ ᠤᠳᠤᠬᠢᠴᠢᠯᠠᠭᠰᠠᠨ ᠨᠡᠬᠦᠷᠡᠰᠦ ᠬᠢᠮᠢ ᠶᠢᠨ ᠠᠵᠤ | ᠦᠢᠯᠡᠳᠪᠦᠷᠢ᠂ ᠲᠤᠨᠤᠭᠯᠠᠯ ᠦᠢᠯᠡᠳᠬᠦ ᠵᠢᠴᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠬᠦᠭᠵᠢᠬᠦᠯᠬᠦ ᠪᠠᠷ | ᠭᠤᠤᠯᠳᠠᠯᠭ᠎ᠠ ᠪᠤᠯᠭᠠᠨ᠂ ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠶᠢ ᠶᠡᠭᠡ ᠪᠠᠷ ᠲᠦᠯᠬᠢᠨ ᠠᠬᠢᠭᠤᠯᠵᠤ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ | 101.8 ᠳ᠋ᠦᠩᠰᠢᠭᠤᠷ ᠲᠦᠬᠦᠷᠢᠭ ᠪᠡᠶᠡᠯᠡᠬᠦᠯᠦᠨ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ | ᠤᠷᠤᠭᠤᠯᠤᠯᠳᠠ ᠶᠢᠨ 76.4% ᠶᠢ ᠡᠵᠡᠯᠡᠪᠡ᠃ ᠲᠡᠭᠷᠢ ᠳᠠᠬᠢ ᠴᠢᠩ ᠬᠤᠸᠠ ᠪᠦᠯᠦᠭᠯᠡᠯ ᠤᠨ ᠨᠠᠷᠢᠯᠢᠭ ᠬᠢᠮᠢ | ᠶᠢᠨ ᠠᠵᠤ ᠦᠢᠯᠡᠳᠪᠦᠷᠢ᠂ ᠶᠢᠨ ᠱᠢ ᠮᠠᠭᠨᠢ ᠶᠢᠨ ᠦᠢᠯᠡᠰ ᠤᠨ ᠴᠢᠨᠠᠷᠯᠢᠭ ᠮᠠᠭᠨᠢ ᠶᠢᠨ ᠬᠠᠶᠢᠯᠤᠰᠢ ᠵᠡᠷᠬᠡ ᠪᠡᠯᠡ | ᠤᠷᠤᠭᠤᠯᠤᠯᠳᠠ ᠨᠢ ᠵᠠᠭᠤᠨ ᠳ᠋ᠦᠩᠰᠢᠭᠤᠷ ᠢ ᠲᠠᠪᠠᠭᠰᠠᠨ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ | ᠲᠦᠷᠦᠯ ᠵᠤᠶᠢᠯ ᠤᠨ ᠨᠢᠬᠡᠳᠦᠬᠡᠷ ᠬᠤᠭᠤᠴᠠᠭᠠᠨ ᠤ ᠢᠨᠵᠧᠨᠧᠷᠢᠩ ᠲᠤᠷᠰᠢᠨ ᠦᠢᠯᠡᠳᠪᠦᠷᠢᠯᠡᠬᠦ ᠱᠠᠳᠤᠨ ᠳᠤ ᠤᠷᠤᠵᠤ | ᠂ ᠨᠡᠶᠢᠳᠡ 148.5 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠪᠡ︔ ᠱᠤᠸᠡᠩ ᠢ ᠸᠠᠭᠠᠷ | ᠱᠠᠭᠠᠵᠠᠩ ᠤᠨ ᠬᠦᠷᠢᠶᠡᠯᠡᠩ ᠤᠨ ᠨᠢᠬᠡᠳᠦᠬᠡᠷ ᠬᠤᠭᠤᠴᠠᠭᠠᠨ ᠤ ᠡᠳᠦᠷ ᠤᠨ ᠭᠠᠷᠤᠯᠳᠠ 4 ᠲᠦᠮᠡᠨ ᠲᠡᠭᠰᠢ | ᠲᠦᠷᠪᠡᠯᠵᠢᠨ ᠮᠧᠲᠷ ᠲᠡᠭᠡᠳᠦ ᠲᠡᠰ ᠤᠨ ᠦᠩᠬᠡᠳᠦ ᠱᠠᠭᠠᠵᠠᠩ ᠲᠤᠭᠤᠰᠬ᠎ᠠ ᠪᠠ ᠶᠢᠩ ᠬᠠᠢ ᠶᠢᠨ ᠡᠳᠦᠷ ᠤᠨ | ᠭᠠᠷᠤᠯᠳᠠ 2500 ᠲᠤᠨ ᠱᠦᠢᠨᠢ ᠶᠢᠨ ᠲᠦᠷᠦᠯ ᠵᠤᠶᠢᠯ ᠨᠢ ᠦᠢᠯᠡᠳᠪᠦᠷᠢᠯᠡᠬᠦ ᠨᠦᠬᠦᠴᠡᠯ ᠳᠤ ᠬᠦᠷᠪᠡ︔ ᠶᠢᠨ | ᠰᠢᠩ ᠰᠠᠯᠬᠢᠨ ᠴᠠᠬᠢᠯᠭᠠᠨ ᠤ ᠬᠤᠶᠠᠳᠤᠭᠠᠷ ᠬᠤᠭᠤᠴᠠᠭ᠎ᠠ᠂ ᠱᠧᠩ ᠬᠤᠢ ᠡᠨᠧᠷᠬᠢ ᠶᠢᠨ 30 ᠲᠦᠮᠡᠨ ᠺᠢᠯᠤᠸᠤᠯᠲ | ᠤᠨ ᠴᠠᠬᠢᠯᠭᠠᠨ ᠭᠠᠷᠭᠠᠬᠤ ᠵᠡᠷᠬᠡ ᠴᠡᠪᠡᠷ ᠡᠨᠧᠷᠬᠢ ᠶᠢᠨ ᠲᠦᠷᠦᠯ ᠵᠤᠶᠢᠯ ᠴᠠᠬᠢᠯᠭᠠᠨ ᠲᠤᠤᠷ ᠲᠤ ᠤᠷᠤᠬᠤ ᠶᠢ | ᠪᠡᠶᠡᠯᠡᠬᠦᠯᠪᠡ︔ ᠠᠯᠠᠱᠠ ᠶᠢᠨ ᠤᠭᠳᠠᠷᠭᠤᠢ ᠶᠢᠨ ᠨᠢᠰᠦᠬᠦᠷ ᠤᠨ ᠲᠦᠷᠦᠯ ᠵᠤᠶᠢᠯ 26.7 ᠳ᠋ᠦᠩᠰᠢᠭᠤᠷ ᠲᠦᠬᠦᠷᠢᠭ | ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠂ ᠤᠤᠭᠠᠨ ᠨᠢᠰᠦᠬᠦᠷ ᠢ ᠶᠠᠭ ᠤᠭᠰᠠᠷᠠᠵᠤ ᠪᠠᠶᠢᠨ᠎ᠠ︔ ᠴᠢᠩ ᠬᠤᠸᠠ | ᠪᠠᠢ ᠯᠢᠩ ᠤᠨ 180 ᠲᠤᠨ ᠨᠡᠬᠦᠷᠡᠰᠦᠨ ᠤ ᠮᠡᠷᠬᠡᠵᠢᠯ ᠦᠬᠡᠷᠡᠴᠢᠯᠡᠬᠦ ᠲᠦᠷᠦᠯ ᠵᠤᠶᠢᠯ ᠦᠢᠯᠡᠳᠪᠦᠷᠢᠯᠡᠯ ᠢᠶᠠᠨ | ᠡᠬᠢᠯᠡᠬᠦᠯᠦᠨ᠂ ᠲᠠᠢ ᠰᠢ᠂ ᠨᠢᠩ ᠹᠠ ᠪᠦᠯᠦᠭᠯᠡᠯ ᠤᠨ《 ᠵᠠᠳᠠᠭᠠᠢ ᠠᠭᠤᠷᠬᠠᠢ ᠪᠤᠯᠭᠠᠨ ᠦᠬᠡᠷᠡᠴᠢᠯᠡᠬᠦ》 ᠲᠦᠷᠦᠯ | ᠵᠤᠶᠢᠯ ᠡᠮᠬᠢ ᠲᠠᠷᠠᠭ᠎ᠠ ᠲᠠᠢ ᠠᠬᠢᠵᠤ᠂ ᠨᠡᠬᠦᠷᠡᠰᠦᠨ ᠠᠭᠤᠷᠬᠠᠢ ᠶᠢᠨ ᠤᠷᠤᠨ ᠢ ᠶᠡᠷᠦᠩᠬᠡᠶᠢᠯᠡᠨ ᠵᠠᠰᠠᠬᠤ ᠠᠵᠢᠯ | ᠤᠷᠤᠭᠰᠢᠳᠠᠢ ᠶᠠᠪᠤᠭᠳᠠᠨ᠂ ᠪᠦᠬᠦ ᠵᠢᠯ ᠤᠨ ᠨᠡᠬᠦᠷᠡᠰᠦᠨ ᠤ ᠪᠤᠷᠤᠯᠠᠭᠤᠯᠭ᠎ᠠ ᠶᠢᠨ ᠬᠡᠮᠵᠢᠶ᠎ᠡ 1214.9 ᠲᠦᠮᠡᠨ | ᠲᠤᠨ ᠳᠤ ᠬᠦᠷᠪᠡ᠃ ᠪᠦᠬᠦ ᠬᠤᠰᠢᠭᠤᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ 110.9 ᠳ᠋ᠦᠩᠰᠢᠭᠤᠷ | ᠲᠦᠬᠦᠷᠢᠭ ᠲᠤ ᠬᠦᠷᠴᠦ᠂ 11.4% ᠪᠠᠷ ᠨᠡᠮᠡᠭᠳᠡᠪᠡ᠃ 612.8 ᠾᠧᠺᠲ᠋ᠠᠷ ᠦᠢᠯᠡᠳᠪᠦᠷᠢ ᠠᠭᠤᠷᠬᠠᠢ ᠶᠢᠨ | ᠬᠠᠶᠠᠭᠳᠠᠮᠠᠯ ᠭᠠᠵᠠᠷ ᠢ ᠲᠠᠬᠢᠨ ᠬᠠᠭᠠᠯᠪᠤᠷᠢᠯᠠᠬᠤ ᠡᠬᠦᠷᠬᠡ ᠪᠠ 2749 ᠬᠡᠰᠡᠭ ᠮᠠᠯᠵᠢᠬᠤ ᠲᠠᠷᠢᠶᠠᠯᠠᠬᠤ ᠤᠷᠤᠨ ᠤ | ᠬᠠᠮᠳᠤ ᠶᠢᠨ ᠭᠠᠵᠠᠷ ᠰᠢᠷᠤᠢ ᠶᠢᠨ ᠦᠮᠴᠢᠯᠡᠬᠦ ᠡᠷᠬᠡ ᠶᠢ ᠲᠤᠳᠤᠷᠬᠠᠶᠢᠯᠠᠵᠤ ᠲᠠᠩᠰᠠᠯᠠᠨ᠂ ᠦᠨᠡᠮᠯᠠᠯ ᠲᠠᠷᠬᠠᠭᠠᠬᠤ | ᠠᠵᠢᠯ ᠢ ᠪᠡᠶᠡᠯᠡᠬᠦᠯᠪᠡ᠃ ᠭᠠᠵᠠᠷ ᠰᠢᠨᠵᠢᠯᠡᠬᠡᠨ ᠤ ᠬᠠᠶᠢᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠳᠬᠠᠵᠤ᠂ 2. | 3 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ 122 ᠬᠠᠶᠢᠨ ᠪᠠᠶᠢᠴᠠᠭᠠᠯᠳᠠ ᠶᠢᠨ ᠲᠦᠷᠦᠯ ᠵᠤᠶᠢᠯ ᠢ | ᠬᠡᠷᠡᠭᠵᠢᠬᠦᠯᠦᠨ᠂ ᠬᠠᠷᠠᠭᠠᠨ ᠠᠭᠤᠯᠠ ᠶᠢᠨ ᠨᠡᠬᠦᠷᠡᠰᠦᠨ ᠠᠢ ᠰᠠᠪᠠ ᠪᠠ ᠡᠮᠴᠢ ᠶᠢᠨ ᠤᠰᠤᠨ ᠤ ᠨᠡᠬᠦᠷᠡᠰᠦᠨ ᠠᠢ | ᠰᠠᠪᠠ ᠶᠢᠨ ᠨᠢᠬᠡᠨᠳᠡ ᠪᠠᠶᠢᠴᠠᠭᠠᠵᠤ ᠲᠤᠳᠤᠯᠠᠭᠰᠠᠨ ᠡᠬᠢ ᠪᠠᠶᠠᠯᠢᠭ ᠤᠨ ᠬᠡᠮᠵᠢᠶ᠎ᠡ 16.6 ᠳ᠋ᠦᠩᠰᠢᠭᠤᠷ ᠲᠤᠨ | ᠪᠠᠶᠢᠵᠤ᠂ 14 ᠬᠠᠶᠢᠨ ᠪᠠᠶᠢᠴᠠᠭᠠᠯᠳᠠ ᠶᠢᠨ ᠲᠦᠷᠦᠯ ᠵᠤᠶᠢᠯ ᠠᠭᠤᠷᠬᠠᠢ ᠮᠠᠯᠳᠠᠬᠤ ᠨᠦᠬᠦᠴᠡᠯ ᠳᠤ ᠬᠦᠷᠪᠡ᠃ | ︵ᠭᠤᠷᠪᠠ︶ ᠭᠤᠷᠪᠠᠳᠤᠭᠠᠷ ᠠᠵᠤ ᠦᠢᠯᠡᠰ ᠤᠨ ᠢᠳᠡᠪᠬᠢ ᠬᠦᠴᠦᠨ ᠴᠢᠩᠭᠠᠷᠠᠪᠠ᠃ ᠪᠤᠶᠠᠨ ᠢ ᠦᠨᠳᠦᠰᠦᠯᠡᠭᠴᠢ | ᠰᠦᠮ᠎ᠡ ᠶᠢᠨ ᠵᠢᠭᠤᠯᠴᠢᠯᠠᠯ ᠤᠨ ᠤᠷᠤᠨ ᠢ ᠶᠡᠷᠦᠩᠬᠡᠶᠢᠯᠡᠨ ᠦᠬᠡᠷᠡᠴᠢᠯᠡᠬᠦ ᠨᠢᠬᠡᠳᠦᠬᠡᠷ ᠬᠤᠭᠤᠴᠠᠭᠠᠨ ᠤ | ᠢᠨᠵᠧᠨᠧᠷᠢᠩ ᠢ ᠬᠡᠷᠡᠭᠵᠢᠬᠦᠯᠦᠨ᠂ ᠨᠡᠶᠢᠳᠡ 5.2 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ | ᠪᠡᠶᠡᠯᠡᠬᠦᠯᠵᠦ᠂ ᠵᠢᠭᠤᠯᠴᠢᠯᠠᠯ ᠤᠨ ᠤᠷᠤᠨ ᠤ ᠪᠦᠳᠦᠬᠡᠨ ᠪᠠᠶᠢᠭᠤᠯᠤᠯᠳᠠ ᠠᠩᠬ᠎ᠠ ᠬᠡᠪᠴᠢᠶᠡᠵᠢᠵᠦ᠂ ᠡᠵᠡᠩᠨᠡᠯᠳᠡ ᠳᠤ | ᠤᠷᠤᠬᠤ ᠳᠤ ᠪᠡᠯᠡᠬᠡᠨ ᠪᠤᠯᠵᠠᠢ︔ ᠤᠯᠠᠭᠠᠨ ᠨᠠᠭᠤᠷ ᠤᠨ ᠵᠢᠭᠤᠯᠴᠢᠯᠠᠯ ᠤᠨ ᠤᠷᠤᠨ ᠢ ᠲᠡᠰ ᠲᠡᠪᠰᠢᠬᠦᠯᠤᠨ | ᠦᠭᠡᠷᠡᠴᠢᠯᠡᠬᠦ ᠠᠵᠢᠯ ᠲᠠᠭᠤᠰᠴᠤ ᠲᠤᠷᠰᠢᠨ ᠡᠵᠡᠩᠨᠡᠬᠦ ᠱᠠᠳᠤᠨ ᠳᠤ ᠤᠷᠤᠪᠠ︔ ᠱᠠᠰᠢᠨ ᠢ ᠪᠠᠳᠠᠷᠠᠭᠤᠯᠤᠭᠴᠢ | ᠰᠦᠮ᠎ᠡ ᠶᠢᠨ ᠵᠢᠭᠤᠯᠴᠢᠯᠠᠯ ᠤᠨ ᠤᠷᠤᠨ ᠢ ᠵᠠᠬ᠎ᠠ ᠲᠡᠯᠬᠡᠬᠦᠷ ᠢᠶᠠᠷ ᠨᠡᠬᠡᠬᠡᠨ ᠬᠦᠭᠵᠢᠬᠦᠯᠬᠦ ᠪᠠᠷ ᠪᠤᠯᠵᠤ᠂ 《 | ᠱᠠᠰᠢᠨ ᠢ ᠪᠠᠳᠠᠷᠠᠭᠤᠯᠤᠭᠴᠢ ᠰᠦᠮ᠎ᠡ ᠶᠢᠨ ᠱᠠᠰᠢᠨ ᠰᠤᠷᠳᠠᠬᠤᠨ ᠤ ᠰᠤᠶᠤᠯ ᠵᠢᠭᠤᠯᠴᠢᠯᠠᠯ ᠤᠨ ᠤᠷᠤᠨ ᠢ | ᠦᠬᠡᠷᠡᠴᠢᠯᠡᠨ ᠰᠠᠶᠢᠵᠢᠷᠠᠭᠤᠯᠬᠤ ᠲᠦᠯᠦᠪᠵᠢᠬᠦᠯᠬᠡ 》 ᠶᠢ ᠨᠠᠶᠢᠷᠠᠭᠤᠯᠤᠨ ᠵᠤᠬᠢᠶᠠᠪᠠ᠃ ᠮᠠᠯᠴᠢᠨ ᠲᠠᠷᠢᠶᠠᠴᠢᠨ | ᠠᠶᠢᠯ ᠤᠨ ᠵᠢᠭᠤᠯᠴᠢᠯᠠᠯ ᠢᠳᠡᠷᠡᠬᠦᠨ ᠢᠶᠠᠷ ᠬᠦᠭᠵᠢᠵᠦ᠂ ᠤᠳᠤᠨ ᠲᠡᠰ ᠤᠨ ᠪᠠᠷᠢᠮᠵᠢᠶᠠᠵᠢᠭᠰᠠᠨ ᠪᠦᠳᠦᠬᠡᠨ | ᠪᠠᠶᠢᠭᠤᠯᠤᠯᠳᠠ ᠤᠷᠤᠭᠰᠢᠳᠠᠢ ᠶᠠᠪᠤᠭᠳᠠᠪᠠ᠃ ᠲᠤᠮᠳᠠᠳᠤ ᠤᠯᠤᠰ ᠤᠨ ᠬᠡᠬᠡᠷ᠎ᠡ ᠲᠤᠭᠤᠯᠬᠤ ᠮᠠᠰᠢᠨ ᠲᠡᠷᠬᠡᠨ ᠤ | ᠲᠡᠰᠪᠦᠷᠢᠳᠦ ᠤᠷᠤᠯᠳᠤᠭᠠᠨ ︵ᠠᠯᠠᠱᠠ ᠵᠡᠬᠦᠨ ᠬᠤᠰᠢᠭᠤᠨ ᠳᠠᠬᠢ ᠬᠡᠰᠡᠭ︶ ᠢ ᠠᠮᠵᠢᠯᠳᠠ ᠲᠠᠢ ᠲᠠᠭᠠᠭᠠᠨ | ᠡᠷᠬᠢᠯᠡᠵᠦ᠂ 2013 ᠤᠨ ᠤ ᠠᠯᠠᠱᠠ ᠬᠠᠰ · ᠬᠠᠴᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ | ᠬᠡᠬᠡᠷ᠎ᠡ ᠲᠤᠭᠤᠯᠬᠤ e ᠪᠦᠯᠦᠭ ᠤᠨ ᠠᠯᠠᠱᠠ ᠳᠠᠬᠢ ᠪᠠᠭᠠᠳᠤᠷᠴᠤᠳ ᠤᠨ ᠴᠤᠭᠯᠠᠭᠠᠨ᠂ ᠲᠡᠮᠡᠬᠡᠨ ᠤ ᠨᠠᠭᠠᠳᠤᠮ ᠤᠨ | ᠶᠡᠭᠡ ᠬᠤᠷᠠᠯ ᠵᠡᠷᠬᠡ ᠭᠤᠷᠪᠠᠨ ᠶᠡᠭᠡ ᠨᠡᠷᠡᠳᠦ ᠲᠦᠷᠦᠯ ᠲᠡᠮᠳᠡᠭ ᠪᠦᠬᠦᠢ ᠪᠠᠶᠠᠷ ᠨᠠᠶᠢᠷ ᠤᠨ ᠠᠵᠢᠯᠯᠠᠭᠠᠨ ᠢ | ᠦᠷᠨᠢᠬᠦᠯᠵᠦ ᠂ ᠨᠡᠷ᠎ᠡ ᠨᠦᠯᠦᠬᠡ ᠨᠢ ᠡᠳᠦᠷ ᠢᠷᠡᠬᠦᠶ᠎ᠡ ᠶᠡᠭᠡᠰᠴᠡᠢ᠃ ᠠᠯᠠᠱᠠ ᠵᠡᠬᠦᠨ ᠬᠤᠰᠢᠭᠤ ᠬᠡᠬᠡᠷ᠎ᠡ ᠲᠤᠭᠤᠯᠬᠤ | e ᠬᠤᠯᠪᠤᠭᠠᠨ ᠤ ᠪᠠᠭᠠᠳᠤᠷᠴᠤᠳ ᠤᠨ ᠴᠤᠭᠯᠠᠭᠠᠨ ᠢ ᠡᠬᠦᠷᠢᠳᠡ ᠡᠷᠬᠢᠯᠡᠬᠦ ᠭᠠᠵᠠᠷ ᠪᠤᠯᠪᠠ᠃ ᠠᠯᠠᠱᠠ ᠶᠢᠨ ᠡᠯᠡᠰᠦ | ᠮᠠᠩᠬᠠᠨ ᠤ ᠲᠡᠯᠡᠬᠡᠢ ᠶᠢᠨ ᠭᠠᠵᠠᠷ ᠰᠢᠨᠵᠢᠯᠡᠬᠡᠨ ᠤ ᠴᠡᠴᠡᠷᠯᠢᠭ ᠨᠢ ᠤᠯᠠᠨ ᠤᠯᠤᠰ ᠤᠨ ᠰᠤᠷᠭᠠᠨ ᠬᠦᠮᠦᠵᠢᠯ | ᠰᠢᠨᠵᠢᠯᠡᠬᠦ ᠤᠬᠠᠭᠠᠨ ᠰᠤᠶᠤᠯ ᠤᠨ ᠵᠤᠬᠢᠶᠠᠨ ᠪᠠᠶᠢᠭᠤᠯᠤᠯᠳᠠ ᠶᠢᠨ ᠲᠤᠮᠳᠠ ᠬᠤᠭᠤᠴᠠᠭᠠᠨ ᠤ ᠰᠢᠯᠭᠠᠨ | ᠦᠨᠡᠯᠡᠯᠳᠡ ᠶᠢ ᠠᠮᠵᠢᠯᠳᠠᠳᠠᠢ ᠦᠩᠬᠡᠷᠡᠬᠦᠯᠪᠡ᠃ ᠪᠦᠬᠦ ᠵᠢᠯ ᠳᠤ ᠵᠢᠭᠤᠯᠴᠢᠯᠠᠭᠰᠠᠳ ᠢ 142.9 ᠲᠦᠮᠡᠨ ᠬᠦᠮᠦᠨ | ᠤᠳᠠᠭ᠎ᠠ ᠬᠦᠯᠢᠶᠡᠨ ᠵᠤᠴᠢᠯᠠᠵᠤ᠂11% ᠪᠠᠷ ᠨᠡᠮᠡᠭᠳᠡᠨ᠂ ᠵᠢᠭᠤᠯᠴᠢᠯᠠᠯ ᠤᠨ ᠪᠦᠬᠦ ᠤᠷᠤᠯᠭ᠎ᠠ 11 ᠳ᠋ᠦᠩᠰᠢᠭᠤᠷ | ᠲᠦᠬᠦᠷᠢᠭ ᠲᠤ ᠬᠦᠷᠴᠦ᠂ 20% ᠪᠠᠷ ᠨᠡᠮᠡᠭᠳᠡᠪᠡ᠃ ᠪᠠᠶᠠᠨᠬᠤᠳᠠ᠂ ᠲᠡᠭᠷᠢ᠂ ᠤᠯᠠᠨᠪᠤᠯᠠᠭ᠂ ᠵᠢᠷᠠᠲᠠᠢ᠂ ᠦᠯᠵᠡᠢ | ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠤᠨ ᠲᠦᠯᠦᠪᠵᠢᠬᠦᠯᠬᠡ ᠶᠢ ᠨᠠᠶᠢᠷᠠᠭᠤᠯᠤᠨ ᠲᠤᠭᠳᠠᠭᠠᠬᠤ ᠵᠡᠷᠬᠡ | ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠲᠦᠯᠬᠢᠨ ᠠᠬᠢᠭᠤᠯᠪᠠ᠃ ᠭᠤᠪᠢ ᠶᠢᠨ ᠬᠠᠴᠢᠨ ᠴᠢᠯᠠᠭᠤᠨ ᠤ | ᠠᠵᠤ ᠦᠢᠯᠡᠰ ᠤᠨ ᠬᠦᠷᠢᠶᠡᠯᠡᠩ ᠢ ᠡᠬᠢᠯᠡᠨ ᠪᠠᠶᠢᠭᠤᠯᠪᠠ᠃ ᠴᠢᠩ ᠲᠠᠢ ᠮᠠᠰᠢᠨ ᠲᠡᠷᠭᠡᠨ ᠤ ᠬᠦᠷᠢᠶᠡᠯᠡᠩ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠡᠮᠬᠢ ᠲᠠᠷᠠᠭ᠎ᠠ ᠲᠠᠢ ᠠᠬᠢᠵᠤ᠂ ᠮᠠᠰᠢᠨ ᠲᠡᠷᠭᠡ ᠪᠤᠷᠤᠯᠠᠭᠤᠯᠬᠤ 27 | ᠬᠤᠳᠠᠯᠳᠤᠭᠠᠨ ᠤ ᠡᠷᠦᠬᠡ ᠤᠷᠤᠵᠤ ᠰᠠᠭᠤᠷᠢᠰᠢᠪᠠ᠃ ᠠᠵᠤ ᠠᠬᠤᠶᠢᠯᠠᠯ ᠤᠨ ᠪᠡᠯᠡ ᠬᠤᠷᠠᠮᠳᠤᠭᠤᠯᠬᠤ ᠳᠤ | ᠢᠳᠡᠪᠬᠢᠳᠡᠢ ᠪᠠᠷ ᠲᠠᠪᠴᠠᠩ ᠢ ᠬᠠᠩᠭᠠᠨ᠂ ᠠᠩᠬᠠᠳᠠᠭᠴᠢ ᠬᠤᠭᠤᠴᠠᠭᠠᠨ ᠤ ᠮᠦᠩᠬᠦᠨ ᠬᠦᠢᠯᠬᠡᠬᠡᠨ ᠤ ᠮᠡᠳᠡᠯᠬᠡ ᠶᠢᠨ | ᠪᠤᠯᠪᠠᠰᠤᠷᠠᠯ ᠤᠨ ᠠᠩᠬᠢ ᠶᠢ ᠡᠷᠬᠢᠯᠡᠨ᠂ ᠠᠯᠠᠱᠠ ᠵᠡᠬᠦᠨ ᠬᠤᠰᠢᠭᠤᠨ ᠤ ᠮᠦᠩᠬᠦᠨ ᠬᠦᠢᠯᠬᠡᠬᠡᠨ ᠤ ᠪᠡᠯᠡ | ᠬᠤᠷᠠᠮᠳᠤᠭᠤᠯᠬᠤ ᠦᠢᠯᠡᠴᠢᠯᠡᠬᠡᠨ ᠤ ᠰᠦᠯᠵᠢᠶ᠎ᠡ ᠶᠢ ᠨᠡᠪᠳᠡᠷᠡᠬᠦᠯᠦᠨ᠂ ᠦᠪᠦᠷ ᠮᠤᠩᠭᠤᠯ ᠤᠨ ᠪᠠᠩᠬᠢ ᠶᠢᠨ ᠠᠯᠠᠱᠠ | ᠳᠠᠬᠢ ᠬᠤᠪᠢᠶᠠᠷᠢ ᠪᠠᠩᠬᠢ ᠪᠠᠶᠢᠭᠤᠯᠤᠭᠳᠠᠬᠤ ᠶᠢ ᠠᠬᠢᠭᠤᠯᠪᠠ᠃ 《ᠪᠠᠭ᠎ᠠ ᠵᠢᠵᠢᠭ ᠬᠡᠯᠪᠡᠷᠢ ᠶᠢᠨ ᠠᠵᠤ ᠠᠬᠤᠶᠢᠯᠠᠯ | ᠤᠨ ᠡᠷᠡᠬᠦᠯ ᠢᠶᠠᠷ ᠬᠦᠭᠵᠢᠬᠦ ᠶᠢ ᠤᠯᠠᠮ ᠨᠢᠬᠡ ᠠᠯᠬᠤᠮ ᠲᠡᠮᠵᠢᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶᠠᠨ ᠤ | ᠰᠠᠨᠠᠯ》 ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ 167 ᠲᠤᠮᠳᠠ ᠪᠠᠭ᠎ᠠ ᠵᠢᠵᠢᠭ ᠬᠡᠯᠪᠡᠷᠢ ᠶᠢᠨ ᠠᠵᠤ | ᠠᠬᠤᠶᠢᠯᠠᠯ ᠳᠤ 7.9 ᠳ᠋ᠦᠩᠰᠢᠭᠤᠷ ᠲᠦᠬᠦᠷᠢᠭ ᠤᠨ ᠪᠠᠳᠤᠯᠠᠭᠠᠳᠤ ᠵᠢᠬᠡᠯᠡᠯᠭᠡ ᠶᠢ ᠬᠠᠩᠭᠠᠪᠠ᠃ ᠨᠡᠶᠢᠬᠡᠮ ᠤᠨ | ᠬᠡᠷᠡᠭᠯᠡᠬᠡᠨ ᠤ ᠵᠦᠢᠯᠡᠰ ᠢ ᠰᠤᠯᠠ ᠪᠠᠷ ᠪᠤᠷᠤᠯᠠᠭᠤᠯᠭᠰᠠᠨ ᠨᠡᠶᠢᠳᠡ ᠲᠤᠭ᠎ᠠ ᠶᠢ 35.6 ᠳ᠋ᠦᠩᠰᠢᠭᠤᠷ ᠳᠦᠬᠦᠷᠢᠭ | ᠪᠡᠶᠡᠯᠡᠬᠦᠯᠵᠤ᠂ 10% ᠪᠠᠷ ᠨᠡᠮᠡᠭᠳᠡᠨ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠦᠷᠳᠡᠭ ᠢ 29.8 | ᠳ᠋ᠦᠩᠰᠢᠭᠤᠷ ᠲᠦᠬᠦᠷᠢᠭ ᠪᠡᠶᠡᠯᠡᠬᠦᠯᠦᠨ᠂ 6.2% ᠪᠠᠷ ᠨᠡᠮᠡᠭᠳᠡᠪᠡ᠃ | ︵ᠲᠦᠷᠪᠡ︶ ᠬᠤᠳᠠ ᠬᠦᠳᠡᠭᠡ ᠶᠢᠨ ᠪᠦᠳᠦᠬᠡᠨ ᠪᠠᠶᠢᠭᠤᠯᠤᠯᠳᠠ ᠶᠢ ᠨᠢᠬᠡᠳᠦᠯᠳᠡᠢ ᠲᠦᠯᠦᠪᠵᠢᠬᠦᠯᠦᠨ ᠠᠬᠢᠭᠤᠯᠪᠠ | ᠃ ᠪᠠᠶᠠᠨᠬᠤᠳᠠ᠂ ᠪᠠᠶᠠᠨᠨᠢᠷᠤᠭᠤᠨ᠂ ᠢᠩᠬᠡᠨ ᠵᠡᠷᠬᠡ ᠰᠤᠮᠤ ᠪᠠᠯᠭᠠᠰᠤᠨ ᠤ ᠶᠡᠷᠦᠩᠬᠡᠢ ᠲᠦᠯᠦᠪᠵᠢᠬᠦᠯᠬᠡ ᠪᠤᠯᠤᠨ | ᠭᠤᠤᠯᠳᠠᠯᠭ᠎ᠠ ᠲᠠᠢ ᠰᠤᠮᠤ ᠪᠠᠯᠭᠠᠰᠤᠨ ᠤ ᠤᠷᠤᠨ ᠲᠤᠭᠤᠷᠢᠭ ᠤᠨ ᠨᠠᠷᠢᠨ ᠲᠦᠯᠦᠪᠵᠢᠬᠦᠯᠬᠡ᠂ ᠠᠵᠤ ᠦᠢᠯᠡᠰ ᠤᠨ | ᠲᠦᠯᠦᠪᠵᠢᠬᠦᠯᠬᠡ ᠶᠢ ᠵᠠᠰᠠᠨ ᠨᠠᠶᠢᠷᠠᠭᠤᠯᠬᠤ ᠪᠤᠶᠤ ᠨᠠᠶᠢᠷᠠᠭᠤᠯᠤᠨ ᠲᠤᠭᠳᠠᠭᠠᠵᠤ᠂ 《 ᠵᠠᠮ ᠲᠠᠭᠠᠤ ᠠᠵᠤ ᠠᠬᠤᠢ | ᠶᠢ ᠬᠦᠭᠵᠢᠬᠦᠯᠬᠦ ᠲᠦᠯᠦᠪᠵᠢᠬᠦᠯᠬᠡ》᠂ ᠭᠤᠤᠯᠳᠠᠯᠭ᠎ᠠ ᠲᠠᠢ ᠲᠤᠰᠬᠤᠨ ᠪᠠᠯᠭᠠᠰᠤ ᠶᠢᠨ ᠰᠢᠨ᠎ᠡ ᠬᠦᠳᠡᠭᠡ ᠲᠤᠰᠬᠤᠨ | ᠰᠢᠨ᠎ᠡ ᠮᠠᠯᠵᠢᠬᠤ ᠤᠷᠤᠨ ᠤ ᠶᠡᠷᠦᠩᠬᠡᠶᠢᠯᠡᠭᠰᠡᠨ ᠵᠠᠰᠠᠯᠳᠠ ᠪᠤᠯᠤᠨ ᠪᠦᠳᠦᠬᠡᠨ ᠪᠠᠶᠢᠭᠤᠯᠤᠯᠳᠠ ᠶᠢᠨ | ᠲᠦᠯᠦᠪᠵᠢᠬᠦᠯᠬᠡ ᠶᠢᠨ ᠠᠵᠢᠯ ᠢ ᠦᠷᠨᠢᠬᠦᠯᠦᠨ᠂ 《 ᠪᠠᠶᠠᠨᠬᠤᠳᠠ ᠶᠢᠨ ᠲᠡᠤᠬᠡ ᠰᠤᠶᠤᠯ ᠤᠨ ᠨᠡᠷᠡᠳᠦ ᠪᠠᠯᠭᠠᠰᠤ | ᠲᠤᠰᠬᠤᠨ ᠤ ᠲᠦᠯᠦᠪᠵᠢᠬᠦᠯᠬᠡ》᠂ 《 ᠬᠤᠸᠠᠷᠠᠨ ᠤ ᠰᠢᠯᠢ ᠶᠢᠨ ᠡᠷᠬᠢᠨ ᠲᠤᠭᠤᠷᠢᠨ ᠢ ᠴᠡᠭᠴᠡᠯᠡᠨ ᠦᠬᠡᠷᠡᠴᠢᠯᠡᠬᠦ | ᠲᠦᠯᠦᠪᠵᠢᠬᠦᠯᠬᠡ》 ᠶᠢ ᠨᠠᠶᠢᠷᠠᠭᠤᠯᠤᠨ ᠲᠤᠭᠳᠠᠭᠠᠬᠤ ᠠᠵᠢᠯ ᠢ ᠡᠬᠢᠯᠡᠬᠦᠯᠦᠨ᠂ ᠲᠦᠯᠦᠪᠵᠢᠬᠦᠯᠬᠡ ᠶᠢᠨ | ᠲᠠᠭᠠᠭᠤᠯᠬᠤ ᠦᠢᠯᠡᠳᠦᠯ ᠤᠯᠠᠮ ᠨᠢᠬᠡ ᠠᠯᠬᠤᠮ ᠴᠢᠩᠭᠠᠷᠠᠪᠠ᠃ ᠤᠯᠠᠨ ᠠᠷᠭ᠎ᠠ ᠵᠠᠮ ᠢᠶᠠᠷ 29.7 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠨ᠂ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠡᠷᠴᠢᠮ ᠢᠶᠠᠨ ᠦᠷᠬᠦᠯᠵᠢᠯᠡᠨ | ᠴᠢᠩᠭᠠᠳᠬᠠᠪᠠ᠃ 791 ᠡᠷᠦᠬᠡ ᠶᠢᠨ 9.5 ᠲᠦᠮᠡᠨ ᠲᠡᠭᠰᠢ ᠲᠦᠷᠪᠡᠯᠵᠢᠨ ᠮᠧᠲᠷ ᠬᠡᠷ ᠪᠠᠶᠢᠰᠢᠩ ᠢ | ᠲᠠᠳᠠᠪᠤᠷᠢᠯᠠᠪᠠ᠃ 160 ᠲᠦᠮᠡᠨ ᠲᠡᠭᠰᠢ ᠲᠦᠷᠪᠡᠯᠵᠢᠨ ᠮᠧᠲᠷ ᠤᠨ ᠨᠤᠭᠤᠭᠠᠷᠠᠭᠤᠯᠤᠯᠳᠠ ᠶᠢᠨ ᠦᠵᠡᠮᠵᠢ ᠶᠢᠨ | ᠢᠨᠵᠧᠨᠧᠷᠢᠩ᠂ ᠸᠠᠩ ᠤᠨ ᠤᠷᠳᠤᠨ ᠤ ᠵᠡᠬᠡᠯᠢ ᠶᠢᠨ ᠵᠠᠮ ᠢ ᠦᠷᠬᠡᠳᠭᠡᠬᠦ ᠬᠤᠶᠠᠳᠤᠭᠠᠷ ᠬᠤᠭᠤᠴᠠᠭ᠎ᠠ᠂ | ᠬᠤᠯᠠᠳᠠᠬᠢᠨ ᠢ ᠲᠤᠭᠳᠠᠭᠠᠭᠴᠢ ᠬᠤᠷᠢᠶ᠎ᠠ ᠶᠢᠨ ᠬᠠᠭᠤᠴᠢᠨ ᠬᠤᠳᠠ ᠶᠢᠨ ᠬᠡᠷᠡᠮ ᠤᠨ ᠬᠤᠶᠠᠳᠤᠭᠠᠷ ᠬᠤᠭᠤᠴᠠᠭ᠎ᠠ᠂ | ᠬᠤᠳᠠ ᠶᠢᠨ ᠪᠦᠷᠬᠡ ᠬᠡᠷ ᠤᠨ ᠦᠭᠡᠷᠡᠴᠢᠯᠡᠯᠳᠡ᠂ ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢᠨ ᠪᠦᠳᠦᠬᠡᠨ | ᠪᠠᠶᠢᠭᠤᠯᠤᠯᠳᠠ᠂ ᠦᠢᠯᠡᠰ ᠪᠤᠰᠬᠠᠬᠤ ᠬᠦᠷᠢᠶᠠᠯᠠᠩ ᠤᠨ ᠰᠠᠭᠤᠷᠢ ᠲᠦᠬᠦᠬᠡᠷᠦᠮᠵᠢ᠂ ᠴᠠᠭᠢᠯᠭᠠᠨ ᠤᠳᠠᠰᠤ ᠶᠢ ᠭᠠᠵᠠᠷ | ᠲᠤ ᠤᠷᠤᠭᠤᠯᠬᠤ ᠢᠨᠵᠧᠨᠧᠷᠢᠩ ᠵᠡᠷᠬᠡ ᠬᠤᠳᠠ ᠶᠢᠨ ᠪᠦᠳᠦᠬᠡᠨ ᠪᠠᠶᠢᠭᠤᠯᠤᠯᠳᠠ ᠶᠢᠨ 28 ᠭᠤᠤᠯᠳᠠᠯᠭ᠎ᠠ ᠲᠠᠢ | ᠲᠦᠷᠦᠯ ᠵᠤᠶᠢᠯ ᠢ ᠬᠡᠷᠡᠭᠵᠢᠬᠦᠯᠪᠡ᠃ ᠪᠠᠢ ᠶᠦᠸᠧ ᠯᠠᠨ ᠲᠢᠩ ᠵᠡᠷᠬᠡ ᠰᠠᠭᠤᠭᠠᠯᠢ ᠠᠷᠠᠳ ᠤᠨ ᠲᠤᠭᠤᠷᠢᠭ ᠤᠨ | ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠬᠤᠳᠠ ᠶᠢᠨ ᠶᠡᠷᠦᠩᠬᠡᠢ ᠴᠢᠳᠠᠪᠬᠢ ᠤᠯᠠᠮ ᠨᠢᠬᠡ ᠠᠯᠬᠤᠮ | ᠳᠡᠬᠦᠯᠳᠡᠷᠵᠢᠨ᠂ ᠰᠠᠭᠤᠷᠢᠰᠢᠵᠤ ᠵᠢᠭᠤᠯᠴᠢᠯᠠᠬᠤ ᠳᠤ ᠲᠤᠬᠢᠷᠠᠮᠵᠢᠳᠠᠢ ᠬᠤᠳᠠ ᠶᠢᠨ ᠪᠦᠳᠦᠬᠡᠨ ᠪᠠᠶᠢᠭᠤᠯᠤᠯᠳᠠ | ᠲᠠᠰᠤᠷᠠᠯᠳᠠ ᠦᠬᠡᠢ ᠬᠦᠨᠵᠡᠬᠡᠶᠢᠷᠡᠪᠡ᠃ ᠬᠤᠳᠠ ᠶᠢᠨ ᠨᠠᠷᠢᠯᠢᠭ ᠬᠠᠮᠢᠶᠠᠷᠤᠯᠳᠠ ᠶᠢ ᠪᠦᠬᠦ ᠲᠠᠯ᠎ᠠ ᠪᠠᠷ ᠭᠡᠷᠡᠭᠵᠢᠬᠦᠯᠦᠨ | ᠂ ᠬᠤᠳᠠ ᠪᠠᠯᠭᠠᠰᠤᠨ ᠤ ᠭᠤᠤᠯᠳᠠᠯᠭ᠎ᠠ ᠲᠠᠢ ᠭᠡᠰᠡᠭ ᠲᠤ ᠬᠠᠮᠳᠤᠷᠠᠨ ᠬᠠᠤᠯᠢ ᠬᠡᠷᠡᠭᠵᠢᠬᠦᠯᠬᠦ ᠡᠷᠴᠢᠮ ᠢᠶᠠᠨ | ᠴᠢᠩᠭᠠᠷᠠᠭᠤᠯᠤᠨ᠂ ᠵᠡᠬᠡᠯᠢ ᠲᠠᠭᠠᠤ ᠬᠤᠳᠠᠯᠳᠤᠭᠠᠨ ᠤ ᠴᠡᠭ ᠤᠨ ᠡᠵᠡᠩᠨᠡᠯᠳᠡ ᠬᠢᠬᠦ ᠡᠮᠬᠢ ᠲᠢᠭᠯᠢᠮ ᠢ ᠶᠡᠬᠡᠪᠡᠷ | ᠲᠦᠷᠢᠮᠵᠢᠬᠦᠯᠵᠦ᠂ ᠬᠤᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠪᠦᠳᠦᠮᠵᠢᠳᠡᠢ ᠲᠡᠭᠡᠭᠰᠢᠯᠡᠨ᠂ ᠠᠮᠢᠳᠤᠷᠠᠨ | ᠰᠠᠭᠤᠷᠢᠰᠢᠬᠤ ᠤᠷᠴᠢᠨ ᠢᠯᠡᠷᠬᠡᠢ ᠰᠠᠶᠢᠵᠢᠷᠠᠪᠠ᠃ ᠠᠯᠠᠱᠠ ᠵᠡᠬᠦᠨ ᠬᠤᠰᠢᠭᠤ ᠦᠪᠡᠷᠳᠡᠬᠡᠨ ᠵᠠᠰᠠᠬᠤ ᠤᠷᠤᠨ ᠤ | ᠴᠡᠴᠡᠷᠯᠢᠭ ᠤᠨ ᠬᠤᠳᠠ ᠰᠢᠶᠠᠨ ᠢᠶᠠᠷ ᠦᠨᠡᠯᠡᠭᠳᠡᠪᠡ᠃ ᠪᠠᠶᠠᠨᠬᠤᠳᠠ ᠪᠠᠯᠭᠠᠰᠤ᠂ ᠵᠢᠷᠠᠳᠠᠢ ᠪᠠᠯᠭᠠᠰᠣ᠂ ᠤᠯᠠᠨᠪᠤᠯᠠᠭ | ᠪᠠᠯᠭᠠᠰᠤ᠂ ᠵᠢᠷᠭᠠᠯᠰᠠᠶᠢᠬᠠᠨ ᠪᠠᠯᠭᠠᠰᠤ᠂ ᠤᠰᠤᠳᠠᠢ ᠪᠠᠯᠭᠠᠰᠤ ᠦᠪᠡᠷᠳᠡᠬᠡᠨ ᠵᠠᠰᠠᠬᠤ ᠤᠷᠤᠨ ᠤ ᠲᠡᠰ ᠤᠨ | ᠭᠤᠤᠯᠳᠠᠯᠭ᠎ᠠ ᠲᠠᠢ ᠬᠤᠳᠠ ᠪᠠᠯᠭᠠᠰᠤ ᠪᠠᠷ ᠵᠦᠪᠰᠢᠶᠠᠷᠡᠭᠳᠡᠪᠡ᠃ | ︵ᠲᠠᠪᠤ︶ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠠᠯᠬᠤᠴᠠ ᠲᠦᠷᠭᠡᠳᠪᠠ᠃ ᠪᠠᠶᠠᠨᠬᠤᠳᠠ | ᠵᠢᠴᠢ ᠱᠤᠭᠤᠮ ᠲᠠᠭᠠᠤ ᠰᠤᠮᠤ ᠪᠠᠯᠭᠠᠰᠤᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ ᠤᠰᠤ | ᠨᠡᠪᠳᠡᠷᠡᠵᠦ᠂ 《 ᠤᠰᠤᠨ ᠤ ᠬᠦᠴᠢᠷᠳᠡᠯ 》 ᠢ ᠰᠢᠢᠳᠪᠦᠷᠢᠯᠡᠬᠦ ᠶᠠᠪᠤᠳᠠᠯ ᠴᠢᠬᠤᠯᠠ ᠶᠡᠭᠡ ᠰᠢᠪᠳᠦᠯᠦᠯᠳᠡ ᠲᠠᠢ | ᠪᠤᠯᠪᠠ᠃ ᠪᠠᠶᠠᠨᠨᠢᠷᠤᠭᠤᠨ ᠠᠴᠠ ᠰᠤᠬᠠᠶᠢᠳᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠠᠵᠢᠯ ᠢᠶᠠᠨ ᠡᠬᠢᠯᠡᠬᠦᠯᠵᠦ᠂ | ᠵᠠᠩ ᠵᠢᠶᠠ ᠹᠠᠩ ᠠᠴᠠ ᠴᠠᠬᠠᠷ ᠤᠨ ᠬᠦᠳᠡᠭᠡ ᠬᠦᠷᠬᠦ ᠲᠦᠷᠬᠡᠨ ᠵᠠᠮ ᠤᠷᠤᠭᠰᠢᠳᠠᠢ ᠠᠬᠢᠵᠤ᠂ 13 ᠵᠤᠷᠪᠤᠰ | ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠡᠮᠬᠢ ᠲᠠᠷᠠᠭ᠎ᠠ ᠲᠠᠢ ᠶᠠᠪᠤᠭᠳᠠᠵᠤ᠂ | ᠬᠠᠳᠠᠭᠤᠬᠤᠳᠳᠤᠭ ᠠᠴᠠ ᠰᠤᠬᠠᠶᠢᠳᠤ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠤᠨ ᠲᠠᠩ ᠱᠤᠭᠤᠮ ᠲᠡᠷᠬᠡ | ᠨᠡᠪᠳᠡᠷᠡᠵᠦ᠂ ᠲᠤᠯᠢ ᠠᠴᠠ ᠲᠡᠷᠡᠰᠦᠨ ᠬᠦᠷᠬᠦ ᠨᠢᠬᠡᠳᠦᠬᠡᠷ ᠲᠡᠰ ᠤᠨ ᠵᠠᠰᠠᠮᠠᠯ ᠵᠠᠮ ᠤᠨ ᠰᠠᠶᠢᠷ ᠴᠤᠨᠵᠢ ᠠᠴᠠ ᠲᠡᠭᠷᠢ | ᠬᠦᠷᠬᠦ ᠬᠡᠰᠡᠭ ᠤᠨ ᠲᠠᠩ ᠱᠤᠭᠤᠮ ᠲᠤᠭᠳᠠᠭᠰᠠᠨ ᠬᠤᠭᠤᠴᠠᠭᠠᠨ ᠳᠠᠭᠠᠨ ᠪᠠᠷᠢᠯᠭ᠎ᠠ ᠲᠠᠭᠤᠰᠤᠨ᠂ ᠪᠦᠬᠦ ᠬᠤᠰᠢᠭᠤᠨ | ᠤ ᠵᠠᠮ ᠤᠨ ᠲᠤᠤᠷᠵᠢᠯ ᠤᠨ ᠪᠤᠷᠤ ᠲᠦᠯᠦᠪ ᠤᠯᠠᠮ ᠨᠢᠬᠡ ᠠᠯᠬᠤᠮ ᠰᠢᠯᠢᠳᠡᠭᠵᠢᠨ᠂ ᠵᠠᠮ ᠨᠡᠪᠳᠡᠷᠡᠯᠬᠡ ᠶᠢᠨ | ᠴᠢᠳᠠᠪᠤᠷᠢ ᠲᠠᠰᠤᠷᠠᠯᠳᠠ ᠦᠬᠡᠢ ᠲᠡᠭᠡᠭᠰᠢᠯᠡᠪᠡ᠃ ᠪᠠᠶᠠᠨᠬᠤᠳᠠ ᠶᠢᠨ ᠴᠠᠬᠢᠯᠭᠠᠨ ᠦᠷᠳᠡᠭᠡ ᠠᠴᠠ ᠶᠢᠨ ᠨᠦᠸᠧ | ᠬᠦᠷᠬᠦ᠂ ᠲᠡᠭᠷᠢ ᠬᠦᠷᠬᠦ 220 ᠺᠢᠯᠤᠸᠤᠯᠲ ᠤᠨ ᠬᠦᠴᠦᠳᠡᠯ ᠲᠠᠮᠵᠢᠭᠤᠯᠬᠤ ᠢᠨᠵᠧᠨᠧᠷᠢᠩ ᠪᠠᠶᠢᠭᠤᠯᠤᠭᠳᠠᠨ | ᠠᠰᠢᠭᠯᠠᠯᠳᠠ ᠳᠤ ᠤᠷᠤᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠳᠠᠪᠤᠷᠢ ᠤᠯᠠᠮ ᠨᠢᠬᠡ ᠠᠯᠬᠤᠮ | ᠴᠢᠩᠭᠠᠷᠠᠪᠠ᠃ 36 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠶᠠᠨᠬᠤᠳᠠ ᠶᠢᠨ 2×33 ᠲᠦᠮᠡᠨ | ᠺᠢᠯᠤᠸᠠᠲ ᠤᠨ ᠢᠯᠴᠢ ᠴᠠᠬᠢᠯᠭᠠᠨ ᠭᠠᠷᠭᠠᠬᠤ ᠲᠦᠷᠦᠯ ᠵᠤᠶᠢᠯ ᠪᠠᠷᠢᠯᠭ᠎ᠠ ᠪᠠᠨ ᠡᠬᠢᠯᠡᠬᠦᠯᠵᠦ᠂ ᠠᠭᠠᠷ ᠤᠨ ᠪᠤᠬᠢᠷᠳᠤᠯ | ᠢ ᠰᠡᠷᠬᠡᠶᠢᠯᠡᠬᠦ ᠂ ᠡᠬᠢ ᠪᠠᠶᠠᠯᠢᠭ ᠤᠨ ᠠᠰᠢᠭᠯᠠᠯᠳᠠ ᠶᠢᠨ ᠨᠤᠷᠮ᠎ᠠ ᠶᠢ ᠲᠡᠭᠡᠭᠰᠢᠯᠡᠬᠦᠯᠬᠦ ᠳᠤ ᠰᠠᠭᠤᠷᠢ ᠶᠢ | ᠲᠠᠯᠪᠢᠭᠰᠠᠨ ᠪᠠᠶᠢᠨ᠎ᠠ᠃ 3345 ᠲᠦᠮᠡᠨ ᠲᠦᠬᠦᠷᠢᠭ ᠤᠨ ᠪᠡᠯᠡ ᠤᠷᠤᠭᠤᠯᠤᠨ᠂ 2573 ᠡᠷᠦᠬᠡ ᠮᠠᠯᠴᠢᠨ | ᠲᠠᠷᠢᠶᠠᠴᠢᠨ ᠤ ᠴᠠᠬᠢᠯᠭᠠᠨ ᠬᠡᠷᠡᠭᠯᠡᠬᠦ ᠠᠰᠠᠭᠤᠳᠠᠯ ᠢ ᠰᠢᠢᠳᠪᠦᠷᠢᠯᠡᠨ᠂ ᠮᠠᠯᠵᠢᠬᠤ ᠲᠠᠷᠢᠶᠠᠯᠠᠬᠤ ᠤᠷᠤᠨ ᠤ ᠡᠷᠦᠬᠡ | ᠪᠤᠯᠭᠠᠨ ᠳᠤ ᠴᠠᠬᠢᠯᠭᠠᠨ ᠨᠡᠪᠳᠡᠷᠡᠬᠦᠯᠬᠦ ᠬᠠᠷᠠᠯᠳᠠ ᠶᠢ ᠦᠨᠳᠦᠰᠦᠨ ᠳᠡᠭᠡᠨ ᠪᠡᠶᠡᠯᠡᠬᠦᠯᠪᠡ᠃ ᠡᠷᠬᠡ ᠬᠠᠰᠬᠠ ᠰᠤᠮᠤᠨ | ᠤ 300 ᠺᠢᠯᠤᠸᠤᠯᠲ ᠤᠨ ᠴᠠᠬᠢᠯᠭᠠᠨ ᠲᠤᠤᠷ ᠠᠴᠠ ᠰᠠᠯᠤᠩᠬᠢᠷᠠᠭᠰᠠᠨ ᠨᠠᠷᠠᠨ ᠡᠨᠧᠷᠬᠢ ᠶᠢᠨ ᠴᠠᠬᠢᠯᠭᠠᠨ ᠭᠠᠷᠭᠠᠬᠤ | ᠲᠦᠷᠦᠯ ᠵᠤᠶᠢᠯ ᠢ ᠪᠠᠶᠢᠭᠤᠯᠤᠨ ᠠᠰᠢᠭᠯᠠᠯᠳᠠ ᠳᠤ ᠤᠷᠤᠭᠤᠯᠵᠤ᠂ ᠴᠠᠬᠢᠯᠭᠠᠨ ᠬᠦᠴᠦᠨ ᠤ ᠪᠠᠳᠤᠯᠠᠭ᠎ᠠ ᠶᠢᠨ ᠴᠢᠨᠠᠷ | ᠴᠢᠨᠰᠠᠭ᠎ᠠ ᠶᠡᠬᠡᠪᠡᠷ ᠲᠡᠭᠡᠭᠰᠢᠯᠡᠪᠡ᠃ 4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠠᠵᠢᠯ ᠤᠨ | ᠬᠡᠷᠡᠭᠯᠡᠬᠡᠨ ᠤ ᠨᠢᠰᠬᠡᠯ ᠤᠨ ᠪᠠᠭᠤᠳᠠᠯ ᠬᠦᠷᠬᠦ ᠵᠠᠰᠠᠮᠠᠯ ᠵᠠᠮ᠂ ᠴᠠᠬᠢᠯᠭᠠᠨ ᠬᠠᠩᠭᠠᠯᠳᠠ ᠶᠢᠨ ᠦᠬᠡᠷᠡᠴᠢᠯᠡᠯᠳᠡ ᠪᠤᠯᠤᠨ | ᠲᠠᠪᠬᠤᠷ ᠴᠠᠬᠢᠯᠭᠠᠨ ᠬᠡᠯᠬᠢᠶ᠎ᠡ ᠶᠢᠨ ᠬᠦᠴᠦᠳᠡᠯ ᠲᠠᠮᠵᠢᠭᠤᠯᠬᠤ ᠱᠤᠭᠤᠮ᠂ ᠦᠶᠡᠷ ᠢ ᠰᠠᠯᠭᠠᠵᠤ ᠪᠠᠴᠢᠮ ᠢ | ᠠᠷᠭᠠᠴᠠᠭᠠᠬᠤ᠂ ᠤᠰᠤ ᠬᠠᠩᠭᠠᠯᠳᠠ ᠵᠡᠷᠬᠡ ᠲᠦᠬᠦᠷ ᠢᠨᠵᠧᠨᠧᠷᠢᠩ ᠢ ᠪᠡᠶᠡᠯᠡᠬᠦᠯᠵᠦ᠂ ᠠᠯᠠᠱᠠ ᠶᠢᠨ ᠠᠵᠢᠯ ᠤᠨ | ᠬᠡᠷᠡᠭᠯᠡᠬᠡᠨ ᠤ ᠨᠢᠰᠬᠡᠯ ᠤᠨ ᠪᠠᠭᠤᠳᠠᠯ ᠵᠢᠩᠬᠢᠨᠢ ᠪᠠᠷ ᠠᠶᠠᠯᠠᠯ ᠢᠶᠠᠨ ᠡᠬᠢᠯᠡᠬᠦᠯᠵᠦ᠂ ᠪᠦᠬᠦ ᠬᠤᠰᠢᠭᠤᠨ ᠤ ᠠᠷᠠᠳ | ᠲᠦᠮᠡᠨ ᠤ ᠬᠦᠰᠡᠨ ᠮᠦᠷᠦᠬᠡᠳᠦᠭᠰᠡᠭᠡᠷ ᠢᠷᠡᠭᠰᠡᠨ ᠠᠭᠠᠷ ᠤᠨ ᠠᠶᠠᠯᠠᠯ ᠤᠨ ᠵᠡᠬᠦᠳᠦ ᠶᠢ ᠲᠡᠷᠭᠡᠯᠰᠢᠬᠦᠯᠪᠡ᠃ | ︵ᠵᠢᠷᠭᠤᠭ᠎ᠠ︶ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ | ᠢᠯᠡᠷᠬᠡᠢ ᠠᠮᠵᠢᠯᠳᠠ ᠤᠯᠪᠠ᠃ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠶᠢᠨ ᠨᠦᠬᠦᠪᠦᠷᠢ ᠱᠠᠩᠨᠠᠯ᠂ | ᠨᠡᠶᠢᠳᠡ ᠶᠢᠨ ᠠᠰᠢᠭᠳᠤ ᠣᠢ ᠶᠢᠨ ᠠᠮᠢ ᠠᠬᠤᠢ ᠶᠢᠨ ᠦᠷ᠎ᠡ ᠠᠰᠢᠭ ᠲᠤ ᠨᠦᠬᠦᠪᠦᠷᠢ ᠤᠯᠭᠤᠬᠤ᠂ ᠮᠠᠯᠵᠢᠬᠤ ᠶᠢ | ᠵᠤᠭᠰᠤᠭᠠᠨ ᠪᠡᠯᠴᠢᠬᠡᠷ ᠢ ᠰᠤᠯᠠᠯᠠᠬᠤ ᠵᠡᠷᠬᠡ ᠠᠮᠢ ᠠᠬᠤᠢ ᠶᠢᠨ ᠬᠠᠮᠠᠭᠠᠯᠠᠯᠳᠠ ᠶᠢᠨ ᠲᠦᠷᠦᠯ ᠵᠤᠶᠢᠯ ᠪᠤᠯᠤᠨ | ᠲᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠪᠡ᠃ 536.7 ᠲᠦᠮᠡᠨ ᠮᠤ᠋ ᠨᠤᠳᠤᠭ ᠪᠡᠯᠴᠢᠬᠡᠷ ᠢ | ᠪᠦᠳᠦᠬᠡᠨ ᠪᠠᠶᠢᠭᠤᠯᠵᠤ᠂ 814.9 ᠲᠦᠮᠡᠨ ᠮᠤ᠋ ᠠᠮᠢ ᠠᠬᠤᠢ ᠶᠢᠨ ᠨᠡᠶᠢᠳᠡ ᠶᠢᠨ ᠠᠰᠢᠭᠳᠤ ᠤᠢ ᠶᠢ ᠬᠠᠮᠠᠭᠠᠯᠠᠨ᠂ | ᠤᠢ ᠰᠢᠭᠤᠢ ᠶᠢᠨ ᠪᠦᠳᠦᠬᠡᠨ ᠪᠠᠶᠢᠭᠤᠯᠤᠯᠳᠠ ᠶᠢᠨ ᠲᠠᠯᠠᠪᠠᠢ 89.5 ᠲᠦᠮᠡᠨ ᠮᠤ᠋ ᠳᠤ ᠬᠦᠷᠴᠦ᠂ 50 ᠲᠦᠮᠡᠨ | ᠰᠠᠤᠷᠢ ᠠᠯᠪᠠᠨ ᠵᠢᠷᠤᠮ ᠤᠨ ᠮᠤᠳᠤ ᠲᠠᠷᠢᠪᠡ᠃ ᠤᠢ ᠰᠢᠭᠤᠢ ᠨᠤᠳᠤᠭ ᠪᠡᠯᠴᠢᠬᠡᠷ ᠤᠨ ᠬᠠᠮᠢᠶᠠᠷᠤᠯᠳᠠ ᠬᠠᠮᠠᠭᠠᠯᠠᠯᠳᠠ | ᠶᠢ ᠴᠢᠩᠭᠠᠳᠬᠠᠨ᠂ ᠠᠩᠬᠠᠳᠠᠭᠴᠢ ᠤᠳᠠᠭ᠎ᠠ ᠭᠠᠯ ᠢ ᠰᠡᠷᠬᠡᠶᠢᠯᠡᠬᠦ᠂ ᠡᠬᠢ ᠪᠠᠶᠠᠯᠢᠭ ᠤᠨ ᠲᠠᠷᠬᠠᠯᠳᠠ᠂ ᠭᠠᠵᠠᠷ ᠤᠨ | ᠪᠠᠶᠢᠴᠠ ᠵᠡᠷᠬᠡ ᠶᠢ ᠤᠭᠳᠠᠷᠭᠤᠢ ᠠᠴᠠ ᠴᠠᠭᠳᠠᠨ ᠪᠠᠶᠢᠴᠠᠭᠠᠵᠦ᠂ ᠠᠯᠠᠱᠠ ᠠᠭᠤᠯᠠᠨ ᠤ ᠪᠠᠶᠢᠭᠠᠯᠢ ᠶᠢᠨ ᠬᠠᠮᠠᠭᠠᠯᠠᠯᠳᠠ | ᠶᠢᠨ ᠤᠷᠤᠨ ᠳᠤ 64 ᠵᠢᠯ ᠲᠠᠷᠠᠭᠠᠯᠠᠨ ᠬᠦᠨᠳᠦ ᠶᠡᠭᠡ ᠣᠢ ᠰᠢᠭᠤᠢ ᠶᠢᠨ ᠭᠠᠯ ᠤᠨ ᠠᠶᠤᠯ ᠭᠠᠷᠤᠭᠰᠠᠨ ᠦᠬᠡᠢ᠃ | ᠠᠯᠠᠱᠠ ᠵᠡᠬᠦᠨ ᠬᠤᠰᠢᠭᠤ ᠨᠢ 《 ᠦᠪᠡᠷᠳᠡᠬᠡᠨ ᠵᠠᠰᠠᠬᠤ ᠤᠷᠤᠨ ᠤ ᠠᠮᠢ ᠠᠬᠤᠢ ᠶᠢᠨ ᠪᠦᠳᠦᠬᠡᠨ ᠪᠠᠶᠢᠭᠤᠯᠤᠯᠳᠠ | ᠶᠢᠨ ᠲᠡᠷᠢᠬᠦᠨ ᠤ ᠬᠠᠮᠳᠤ ᠨᠢᠬᠡᠴᠡ》 ᠪᠤᠯᠤᠨ《 ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠤᠷᠤᠨ ᠤ | ᠨᠤᠭᠤᠭᠠᠷᠠᠭᠤᠯᠤᠯᠳᠠ ᠶᠢᠨ ᠠᠵᠢᠯ ᠤᠨ ᠲᠡᠷᠢᠬᠦᠨ ᠤ ᠨᠢᠬᠡᠴᠡ 》 ᠶᠢᠨ ᠢᠷᠠᠭᠤ ᠠᠯᠳᠠᠷ ᠢ ᠬᠦᠷᠳᠡᠨ᠂ ᠤᠯᠤᠰ ᠤᠨ | ᠡᠯᠡᠰᠦᠷᠬᠡᠭᠵᠢᠭᠰᠡᠨ ᠭᠠᠵᠠᠷ ᠰᠢᠷᠤᠢ ᠶᠢ ᠪᠢᠳᠡᠬᠦᠮᠵᠢᠯᠡᠠ ᠬᠠᠮᠠᠭᠠᠯᠠᠬᠤ ᠳᠤ ᠨᠦᠬᠦᠪᠦᠷᠢ ᠤᠯᠭᠤᠬᠤ ᠲᠤᠷᠰᠢᠯᠳᠠ ᠶᠢᠨ | ᠴᠡᠭ ᠤᠨ ᠬᠤᠰᠢᠭᠤ ᠰᠢᠶᠠᠨ ᠳᠤ ᠵᠢᠭᠰᠠᠭᠠᠭᠳᠠᠪᠠ᠃ ᠬᠦᠢᠪᠦᠷᠢ ᠶᠢᠨ ᠬᠦᠳᠡᠭᠡ ᠶᠢᠨ ᠦᠶᠡᠷ ᠢ ᠰᠠᠯᠭᠠᠵᠤ ᠪᠠᠴᠢᠮ ᠢ | ᠠᠷᠭᠠᠴᠠᠭᠠᠬᠤ ᠤᠷᠤᠨ ᠤ ᠤᠰᠤ ᠲᠠᠳᠠᠬᠤ ᠰᠤᠪᠠᠭ᠂ ᠪᠦᠰᠡᠯᠡᠬᠦᠷ ᠬᠠᠰᠢᠯᠭ᠎ᠠ ᠵᠡᠷᠬᠡ ᠢᠨᠵᠧᠨᠧᠷᠢᠩ ᠢ ᠬᠡᠷᠡᠭᠵᠢᠬᠦᠯᠦᠨ | ᠂ 15 ᠲᠡᠭᠰᠢ ᠲᠦᠷᠪᠡᠯᠵᠢᠨ ᠺᠢᠯᠤᠮᠧᠲᠷ ᠤᠨ ᠤᠰᠤᠨ ᠤ ᠴᠠᠷᠠᠭ᠎ᠠ ᠶᠢ ᠪᠦᠷᠢᠯᠳᠦᠬᠦᠯᠵᠦ᠂ ᠤᠷᠤᠨ ᠪᠦᠰᠡ ᠶᠢᠨ ᠠᠮᠢ | ᠠᠬᠤᠢ ᠶᠢᠨ ᠤᠷᠴᠢᠨ ᠲᠤᠭᠤᠷᠢᠨ ᠢᠯᠡᠷᠬᠡᠢ ᠰᠠᠶᠢᠵᠢᠷᠠᠪᠠ᠃ ᠤᠯᠠᠭᠠᠨᠪᠤᠬ᠎ᠠ ᠶᠢᠨ ᠠᠮᠢ ᠠᠬᠤᠢ ᠶᠢᠨ ᠡᠯᠡᠰᠦᠨ ᠤ | ᠠᠵᠤ ᠦᠢᠯᠡᠰ ᠤᠨ ᠵᠢᠱᠢᠶ᠎ᠠ ᠦᠵᠡᠬᠦᠯᠬᠦ ᠲᠤᠭᠤᠷᠢᠭ ᠤᠨ ᠪᠦᠳᠦᠬᠡᠨ ᠪᠠᠶᠢᠭᠤᠯᠤᠯᠳᠠ ᠨᠢ 11.7 ᠳ᠋ᠦᠩᠰᠢᠭᠤᠷ | ᠲᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠦᠨ᠂ ᠭᠠᠵᠠᠷ ᠰᠢᠷᠤᠢ ᠶᠢᠨ ᠡᠷᠬᠡ ᠶᠢ ᠲᠤᠭᠳᠠᠭᠠᠬᠤ ᠪᠤᠯᠤᠨ | ᠡᠯᠡᠰᠦ ᠳᠤᠭᠤᠯᠬᠤ ᠵᠠᠰᠠᠮᠠᠯ ᠵᠠᠮ᠂ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ᠂ ᠬᠠᠮᠠᠭᠠᠯᠠᠯᠳᠠ ᠶᠢᠨ ᠤᠢ | ᠵᠡᠷᠬᠡ ᠰᠠᠭᠤᠷᠢ ᠲᠦᠬᠦᠬᠡᠷᠦᠮᠵᠢ ᠶᠢᠨ ᠲᠦᠷᠦᠯ ᠵᠤᠶᠢᠯ ᠢ ᠬᠡᠷᠡᠭᠵᠢᠬᠦᠯᠪᠡ᠃ ᠪᠠᠶᠠᠨᠬᠤᠳᠠ ᠶᠢᠨ ᠰᠢᠨ᠎ᠡ ᠲᠤᠭᠤᠷᠢᠭ | ᠤᠨ ᠪᠤᠬᠢᠷ ᠤᠰᠤ ᠰᠢᠢᠳᠪᠦᠷᠢᠯᠡᠬᠦ ᠤᠶᠢᠯᠡᠳᠪᠦᠷᠢ ᠪᠠᠷᠢᠯᠭ᠎ᠠ ᠪᠠᠨ ᠡᠬᠢᠯᠡᠬᠦᠯᠵᠤ᠂ ᠤᠷᠴᠢᠨ ᠲᠤᠭᠤᠷᠢᠨ ᠢ ᠬᠢᠨᠠᠨ | ᠬᠡᠮᠵᠢᠬᠦ ᠦᠷᠳᠡᠭᠡ ᠦᠪᠡᠷᠳᠡᠬᠡᠨ ᠵᠠᠰᠠᠬᠤ ᠤᠷᠤᠨ ᠤ ᠬᠡᠷᠡᠴᠢᠯᠡᠯᠳᠡ ᠶᠢ ᠠᠮᠵᠢᠯᠳᠠ ᠲᠠᠢ ᠪᠠᠷ ᠦᠩᠬᠡᠷᠡᠬᠦᠯᠦᠨ᠂ ᠪᠡᠶ᠎ᠡ | ᠪᠠᠨ ᠲᠠᠭᠠᠭᠠᠭᠰᠠᠨ ᠤᠷᠴᠢᠨ ᠲᠤᠭᠤᠷᠢᠨ ᠢ ᠬᠢᠨᠡᠨ ᠬᠡᠮᠵᠢᠬᠦ ᠴᠢᠳᠠᠪᠤᠷᠢ ᠲᠠᠢ ᠪᠤᠯᠵᠤ᠂ ᠭᠤᠤᠯᠳᠠᠯᠭ᠎ᠠ ᠲᠠᠢ ᠤᠷᠤᠨ | ᠲᠤᠭᠤᠷᠢᠭ᠂ ᠤᠶᠢᠯᠡᠳᠪᠦᠷᠢ ᠠᠭᠤᠷᠬᠠᠢ ᠶᠢᠨ ᠤᠷᠤᠨ ᠤ ᠤᠷᠴᠢᠨ ᠲᠤᠭᠤᠷᠢᠨ ᠢ ᠶᠡᠷᠤᠩᠬᠡᠶᠢᠯᠡᠨ ᠵᠠᠰᠠᠬᠤ ᠠᠵᠢᠯ | ᠢᠯᠡᠷᠬᠡᠢ ᠠᠮᠵᠢᠯᠳᠠ ᠤᠯᠤᠭᠰᠠᠨ ᠪᠠᠶᠢᠨ᠎ᠠ᠃ | ︵ᠲᠤᠯᠤᠭ᠎ᠠ︶ ᠦᠬᠡᠷᠡᠴᠢᠯᠡᠯᠳᠡ ᠨᠡᠬᠡᠬᠡᠯᠳᠡ ᠰᠢᠨ᠎ᠡ ᠠᠯᠬᠤᠮ ᠢᠶᠠᠨ ᠡᠬᠢᠯᠡᠬᠦᠯᠪᠡ᠃ ᠲᠠᠷᠢᠶᠠᠨ ᠭᠠᠵᠠᠷ᠂ ᠪᠠᠶᠢᠷᠢ | ᠪᠡᠯᠴᠢᠬᠡᠷ ᠤᠨ ᠡᠷᠬᠢᠯᠳᠡ ᠪᠤᠯᠤᠨ ᠲᠦᠪᠯᠡᠷᠡᠬᠦᠯᠦᠨ ᠡᠵᠡᠩᠨᠡᠯᠳᠡ ᠬᠢᠬᠦ ᠶᠢ ᠲᠦᠷᠭᠡᠳᠬᠡᠨ ᠠᠬᠢᠭᠤᠯᠵᠤ᠂ 4.3 | ᠲᠦᠮᠡᠨ ᠮᠤ᠋ ᠲᠠᠷᠢᠶᠠᠨ ᠭᠠᠵᠠᠷ ᠂ 13 ᠲᠦᠮᠡᠨ ᠮᠤ᠋ ᠪᠠᠶᠢᠷᠢ ᠪᠡᠯᠴᠢᠬᠡᠷ ᠢ ᠡᠷᠬᠢᠯᠳᠡ ᠬᠢᠯᠬᠡᠪᠡ᠃ ᠬᠠᠮᠳᠤ ᠶᠢᠨ ᠤᠢ | ᠰᠢᠭᠤᠢ ᠶᠢᠨ ᠡᠷᠬᠡ ᠶᠢᠨ ᠲᠦᠷᠢᠮ ᠤᠨ ᠭᠤᠤᠯ ᠴᠤᠭᠴᠠ ᠶᠢᠨ ᠦᠬᠡᠷᠡᠴᠢᠯᠡᠯᠳᠡ ᠪᠦᠬᠦ ᠲᠠᠯ᠎ᠠ ᠪᠠᠷ ᠪᠡᠶᠡᠯᠡᠭᠳᠡᠪᠡ᠃ | 《 ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠭᠠᠶᠢᠯᠢ ᠪᠤᠯᠭᠠᠨ ᠦᠬᠡᠷᠡᠴᠢᠯᠡᠬᠦ 》 ᠲᠤᠷᠰᠢᠯᠳᠠ ᠶᠢᠨ | ᠴᠡᠭ ᠤᠨ ᠠᠵᠢᠯ ᠡᠷᠴᠢᠮᠳᠠᠢ ᠠᠬᠢᠵᠤ᠂ ᠰᠤᠮᠤ ᠪᠠᠯᠭᠠᠰᠤᠨ ᠤ ᠡᠳ᠋ ᠤᠨ ᠵᠠᠰᠠᠭ ᠤᠨ ᠭᠠᠵᠠᠷ ᠢ ᠰᠡᠷᠬᠦᠬᠡᠨ᠂ ᠡᠳ᠋ ᠤᠨ | ᠵᠠᠰᠠᠭ ᠤᠨ ᠪᠠᠶᠢᠭᠤᠯᠤᠮᠵᠢ ᠤᠯᠠᠮ ᠨᠢᠬᠡ ᠠᠯᠬᠤᠮ ᠲᠡᠬᠦᠯᠳᠡᠷᠵᠢᠪᠡ᠃ ᠠᠵᠢᠯ ᠤᠶᠢᠯᠡᠰ ᠤᠨ ᠨᠢᠬᠡᠴᠡ ᠶᠢᠨ ᠲᠦᠷᠦᠯ | ᠬᠤᠪᠢᠶᠠᠭᠰᠠᠨ ᠦᠬᠡᠷᠡᠴᠢᠯᠡᠯᠳᠡ ᠶᠢ ᠦᠷᠬᠦᠯᠵᠢᠯᠡᠨ ᠲᠦᠯᠬᠢᠨ ᠠᠬᠢᠭᠤᠯᠵᠤ᠂ ᠦᠷ᠎ᠡ ᠪᠦᠳᠦᠮᠵᠢ ᠶᠢᠨ ᠴᠠᠯᠢᠩ ᠤᠨ | ᠲᠦᠷᠢᠮ ᠢ ᠪᠦᠬᠦ ᠲᠠᠯ᠎ᠠ ᠪᠠᠷ ᠬᠡᠷᠡᠭᠵᠢᠬᠦᠯᠪᠡ᠃ ᠪᠦᠬᠦ ᠬᠤᠰᠢᠭᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ | ᠬᠤᠷᠢᠶᠠᠨ ᠤ ᠦᠬᠡᠷᠡᠴᠢᠯᠡᠯᠳᠡ ᠶᠢᠨ ᠲᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠦᠨ᠂ ᠡᠮ ᠡᠮᠨᠡᠯᠬᠡ ᠡᠷᠡᠬᠦᠯ | ᠬᠠᠮᠠᠭᠠᠯᠠᠯ ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠤᠷᠤᠭᠰᠢᠳᠠᠢ ᠲᠦᠯᠬᠢᠨ ᠠᠬᠢᠭᠤᠯᠪᠠ᠃ ᠵᠠᠰᠠᠭ ᠵᠠᠬᠢᠷᠭᠠᠨ | ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠬᠦᠨᠵᠡᠭᠡᠶᠢᠷᠡᠬᠦᠯᠦᠨ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠦᠷ᠎ᠡ ᠪᠦᠳᠦᠮᠵᠢ ᠢᠯᠡᠷᠬᠡᠢ ᠲᠡᠭᠡᠭᠰᠢᠯᠡᠪᠡ᠃ ᠮᠤᠩᠭᠤᠯ ᠤᠯᠤᠰ ᠤᠨ ᠡᠮᠦᠨᠡᠭᠤᠪᠢ ᠠᠶᠢᠮᠠᠭ ᠯᠤᠭ᠎ᠠ | ᠶᠢᠨ ᠬᠠᠮᠳᠤᠷᠠᠯᠴᠠᠭ᠎ᠠ ᠰᠤᠯᠢᠯᠴᠠᠭ᠎ᠠ ᠪᠠᠨ ᠴᠢᠩᠭᠠᠳᠬᠠᠨ᠂ ᠦᠯᠵᠡᠢ — ᠴᠠᠭᠠᠨ ᠳᠡᠯ ᠠᠭᠤᠯᠠ ᠪᠤᠭᠤᠮᠳᠠ ᠶᠢ | ᠲᠡᠭᠡᠭᠰᠢ ᠮᠡᠳᠡᠬᠦᠯᠤᠨ ᠨᠡᠬᠡᠬᠡᠬᠦ ᠠᠵᠢᠯ ᠰᠢᠨ᠎ᠡ ᠠᠬᠢᠯᠳᠠ ᠲᠠᠢ ᠪᠤᠯᠪᠠ᠃ ᠤᠷᠤᠨ ᠪᠦᠰᠡ ᠶᠢᠨ ᠬᠤᠭᠤᠷᠤᠨᠳᠤᠬᠢ | ᠲᠠᠪᠠᠭᠤᠯᠢᠭ ᠢᠶᠠᠨ ᠬᠠᠷᠢᠯᠴᠠᠨ ᠨᠦᠬᠦᠪᠦᠷᠢᠯᠡᠨ ᠰᠤᠯᠢᠯᠴᠠᠭ᠎ᠠ ᠬᠠᠮᠳᠤᠷᠠᠯᠴᠠᠭ᠎ᠠ ᠪᠠᠨ ᠤᠯᠠᠮ ᠨᠢᠬᠡ ᠠᠯᠬᠤᠮ | ᠴᠢᠩᠭᠠᠳᠬᠠᠵᠤ᠂ ᠨᠢᠩᠰᠢᠶᠠ ᠶᠢᠨ ᠲᠡᠷᠡᠰᠦᠨ ᠬᠤᠳᠠ᠂ ᠭᠤᠸᠠᠩᠱᠢ ᠮᠤᠵᠢ ᠶᠢᠨ ᠯᠢᠤ ᠵᠸᠤ᠂ ᠾᠧᠨᠠᠨ ᠮᠤᠵᠢ ᠶᠢᠨ | ᠮᠢᠶᠠᠨ ᡂᠢ ᠰᠢᠶᠠᠨ ᠵᠡᠷᠬᠡ ᠭᠠᠵᠠᠷ ᠤᠷᠤᠨ ᠯᠤᠭ᠎ᠠ ᠶᠢᠨ ᠨᠦᠬᠦᠷᠰᠡᠭ ᠬᠠᠷᠢᠴᠠᠭ᠎ᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠪᠠ᠃ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠰᠢᠨ᠎ᠡ ᠠᠬᠢᠴᠠ ᠲᠠᠢ ᠪᠤᠯᠵᠤ᠂ 24 ᠲᠦᠷᠦᠯ | ᠵᠤᠶᠢᠯ ᠳᠤ ᠰᠢᠨ᠎ᠡ ᠪᠠᠷ ᠭᠠᠷ ᠤᠨ ᠦᠰᠦᠭ ᠵᠢᠷᠤᠨ᠂ ᠪᠤᠳᠠᠳᠠᠢ ᠨᠠᠶᠢᠳᠠᠪᠤᠷᠢᠵᠢᠭᠰᠠᠨ ᠪᠡᠯᠡ ᠮᠦᠩᠭᠦ 81 | ᠳ᠋ᠦᠩᠰᠢᠭᠤᠷ ᠲᠦᠬᠦᠷᠢᠭ ᠲᠤ ᠬᠦᠷᠪᠡ᠃ | ︵ᠨᠠᠢᠮᠠ︶ ᠠᠷᠠᠳ ᠤᠨ ᠠᠮᠢᠳᠤᠷᠠᠯ ᠤᠨ ᠢᠨᠵᠧᠨᠧᠷᠢᠩ ᠲᠤᠪᠤᠶᠢᠮ᠎ᠠ ᠠᠮᠵᠢᠯᠳᠠ ᠤᠯᠪᠠ᠃ ᠪᠦᠬᠦ ᠵᠢᠯ ᠳᠤ | ᠠᠷᠠᠳ ᠤᠨ ᠠᠮᠢᠳᠤᠷᠠᠯ ᠤᠨ ᠪᠠᠳᠤᠯᠠᠭᠠᠨ ᠳᠤ ᠤᠷᠤᠭᠤᠯᠤᠭᠰᠠᠨ ᠪᠡᠯᠡ ᠮᠦᠩᠬᠦ 9.4 ᠳ᠋ᠦᠩᠰᠢᠭᠤᠷ ᠲᠦᠬᠦᠷᠢᠭ ᠲᠤ | ᠬᠦᠷᠪᠡ᠃ ᠠᠷᠠᠳ ᠲᠤ ᠪᠤᠳᠠᠳᠠᠢ ᠶᠠᠪᠤᠳᠠᠯ ᠬᠢᠬᠦ ᠲᠦᠷᠦᠯ ᠵᠤᠶᠢᠯ ᠢ ᠪᠦᠬᠦᠨ ᠢᠶᠠᠷ ᠨᠢ ᠪᠡᠶᠡᠯᠡᠬᠦᠯᠪᠡ᠃ | ᠪᠠᠶᠠᠨᠬᠤᠳᠠ ᠶᠢᠨ ᠨᠠᠶᠢᠳᠡ ᠶᠢᠨ ᠮᠠᠰᠢᠨ ᠲᠡᠷᠭᠡ ᠰᠦᠢᠳᠬᠡᠯ ᠬᠤᠷᠢᠶᠠᠬᠤ ᠦᠬᠡᠢ ᠪᠤᠯᠵᠤ᠂ ᠨᠡᠶᠢᠬᠡᠮ ᠨᠡᠶᠢᠳᠡ ᠶᠢᠨ | ᠦᠷᠭᠡᠨ ᠲᠡᠯᠬᠡᠷᠡᠩᠬᠦᠢ ᠮᠠᠭᠳᠠᠭᠠᠯ ᠰᠠᠶᠢᠰᠢᠶᠠᠯ ᠢ ᠤᠯᠤᠭᠰᠠᠨ ᠪᠠᠶᠢᠨ᠎ᠠ᠃ ᠠᠵᠢᠯ ᠤᠯᠭᠤᠬᠤ ᠲᠠᠬᠢᠨ ᠠᠵᠢᠯ | ᠤᠯᠭᠤᠬᠤ ᠠᠵᠢᠯ ᠢ ᠡᠷᠴᠢᠮᠳᠡᠢ ᠦᠷᠨᠢᠬᠦᠯᠦᠨ᠂ ᠡᠯ᠎ᠡ ᠲᠦᠷᠦᠯ ᠤᠨ ᠮᠡᠷᠬᠡᠵᠢᠯ ᠪᠤᠯᠤᠨ ᠦᠢᠯᠡᠰ ᠪᠤᠰᠬᠠᠬᠤ | ᠪᠤᠯᠪᠠᠰᠤᠷᠠᠯ ᠢ 27 ᠬᠤᠭᠤᠴᠠᠭ᠎ᠠ ᠡᠷᠬᠢᠯᠡᠵᠦ 1741 ᠬᠦᠮᠦᠨ ᠪᠤᠯᠪᠠᠰᠤᠷᠠᠯ ᠬᠦᠷᠳᠡᠵᠦ᠂ 4744 ᠲᠦᠮᠡᠨ | ᠲᠦᠬᠦᠷᠢᠭ ᠤᠨ ᠪᠠᠭ᠎ᠠ ᠲᠤᠭᠠᠨ ᠤ ᠪᠠᠳᠤᠯᠠᠭᠠᠳᠤ ᠵᠢᠬᠡᠯᠡᠯᠬᠡ ᠲᠠᠷᠬᠠᠭᠠᠨ᠂ 206 ᠬᠦᠮᠦᠨ ᠠᠮᠵᠢᠯᠳᠠ ᠲᠠᠢ ᠪᠠᠷ | ᠦᠢᠯᠡᠰ ᠪᠤᠰᠬᠠᠨ᠂ 827 ᠬᠦᠮᠦᠨ ᠤ ᠠᠵᠢᠯ ᠤᠯᠬᠤ ᠶᠢ ᠲᠠᠶᠢᠴᠢᠯᠠᠪᠠ᠃ ᠬᠤᠳᠠ ᠪᠠᠯᠭᠠᠰᠤᠨ ᠳᠤ 2007 | ᠬᠦᠮᠦᠨ ᠤᠳᠠᠭ᠎ᠠ ᠰᠢᠨ᠎ᠡ ᠪᠠᠷ ᠠᠵᠢᠯ ᠤᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ 1820 | ᠬᠦᠮᠦᠨ ᠤᠳᠠᠭ᠎ᠠ ᠰᠢᠯᠵᠢᠬᠦᠯᠪᠡ᠃ ᠪᠦᠬᠦ ᠬᠤᠰᠢᠭᠤᠨ ᠤ ᠬᠤᠳᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ | ᠠᠯᠳᠠᠭᠰᠠᠨ ᠨᠤᠷᠮ᠎ᠠ ᠶᠢ 3.9% ᠶᠢᠨ ᠲᠤᠳᠤᠷ᠎ᠠ ᠬᠢᠵᠠᠭᠠᠷᠯᠠᠪᠠ᠃ ᠨᠠᠰᠤᠵᠢᠯ᠂ ᠡᠮᠨᠡᠯᠬᠡ ᠵᠡᠷᠬᠡ ᠨᠡᠶᠢᠬᠡᠮ ᠤᠨ | ᠲᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠬᠡᠢ ᠦᠷᠬᠡᠳᠬᠡᠵᠦ᠂ ᠨᠠᠰᠤᠵᠢᠯ ᠤᠨ ᠲᠠᠭᠠᠳᠬᠠᠯ᠂ ᠰᠢᠨ᠎ᠡ | ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠲᠠᠭᠠᠳᠬᠠᠯ ᠳᠤ ᠤᠷᠤᠯᠴᠠᠭᠰᠠᠨ ᠨᠤᠷᠮ᠎ᠠ ᠪᠦᠷ 98% ᠠᠴᠠ | ᠳᠡᠬᠡᠭᠰᠢ ᠳᠤ ᠬᠦᠷᠪᠡ᠃ ᠬᠤᠳᠠ ᠪᠠᠯᠭᠠᠰᠤᠨ ᠤ ᠲᠤᠤᠷ᠎ᠠ ᠪᠠᠳᠤᠯᠠᠭ᠎ᠠ᠂ 《 ᠲᠠᠪᠤᠨ ᠪᠠᠳᠤᠯᠠᠭᠠᠳᠤ ᠡᠷᠦᠬᠡ 》 ᠶᠢ | ᠠᠰᠠᠷᠠᠬᠤ᠂ ᠤᠨᠴᠠ ᠬᠠᠷᠠᠭᠠᠯᠵᠠᠯ ᠬᠦᠷᠳᠡᠬᠡᠬᠦ᠂ ᠵᠡᠮᠳᠡᠭᠴᠤᠳ ᠢ ᠬᠠᠪᠰᠤᠷᠬᠤ᠂ ᠬᠤᠳᠠ ᠪᠠᠯᠭᠠᠰᠤᠨ ᠤ ᠤᠨᠴᠠ | ᠬᠦᠴᠢᠷᠳᠡᠯᠳᠡᠢ ᠡᠷᠦᠬᠡ ᠪᠤᠯᠤᠨ ᠡᠮᠴᠢᠯᠡᠬᠡᠨ ᠤ ᠠᠪᠤᠷᠠᠨ ᠲᠤᠰᠠᠯᠠᠬᠤ ᠵᠡᠷᠬᠡ ᠪᠠᠳᠤᠯᠠᠭᠠᠨ ᠤ ᠠᠵᠢᠯ ᠢ ᠬᠢᠨᠠᠮᠠᠭᠠᠢ | ᠰᠠᠶᠢᠳᠤᠷ ᠠᠳᠬᠤᠪᠠ᠃ 11ᠵᠢᠯ ᠲᠠᠷᠠᠭᠠᠯᠠᠨ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠨ ᠬᠦᠮᠦᠰ ᠲᠤ | ᠨᠠᠰᠤᠵᠢᠯ ᠤᠨ ᠲᠠᠭᠠᠳᠬᠠᠯ ᠤᠨ ᠪᠠᠷᠢᠮᠵᠢᠶ᠎ᠠ ᠶᠢ ᠲᠡᠭᠡᠭᠰᠢᠯᠡᠬᠦᠯᠪᠡ᠃ ᠭᠠᠭᠴᠠ ᠦᠷ᠎ᠡ ᠬᠡᠤᠬᠡᠳ ᠨᠢ ᠦᠬᠦᠵᠤ | ᠰᠢᠷᠬᠠᠳᠤᠭᠰᠠᠨ᠂ ᠵᠡᠮᠳᠡᠭ ᠪᠤᠯᠤᠭᠰᠠᠨ ᠬᠡᠷ ᠪᠦᠯᠢ ᠶᠢ ᠲᠤᠰᠠᠯᠠᠬᠤ ᠨᠦᠬᠦᠪᠦᠷᠢ᠂ ᠮᠠᠯᠵᠢᠬᠤ ᠲᠠᠷᠢᠶᠠᠯᠠᠬᠤ ᠤᠷᠤᠨ ᠤ | ᠬᠤᠯᠢᠰᠢᠨ ᠢᠳᠡᠬᠡᠨ ᠤ ᠦᠨ᠎ᠡ ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠵᠤ᠂ 9688 | ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠡᠷᠦᠬᠡ ᠳᠤ ᠡᠪᠤᠯ ᠤᠨ ᠲᠤᠯᠠᠭᠠᠯᠭ᠎ᠠ ᠶᠢᠨ ᠨᠦᠬᠦᠪᠦᠷᠢ ᠮᠦᠩᠬᠦ | 581ᠲᠦᠮᠡᠨ ᠲᠦᠬᠦᠷᠢᠭ ᠢ ᠲᠠᠷᠬᠠᠭᠠᠪᠠ᠃ ᠠᠷᠠᠳ ᠤᠨ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ | ᠡᠷᠴᠢᠮᠳᠠᠢ ᠠᠬᠢᠭᠤᠯᠤᠨ᠂ 1489 ᠪᠠᠳᠤᠯᠠᠭᠠᠨ ᠤ ᠴᠢᠨᠠᠷᠳᠠᠢ ᠤᠷᠤᠨ ᠰᠠᠭᠤᠴᠠ ᠶᠢ ᠰᠢᠨ᠎ᠡ ᠪᠠᠷ ᠠᠵᠢᠯ | ᠡᠬᠢᠯᠡᠬᠦᠯᠦᠨ ᠪᠦᠳᠦᠬᠡᠨ ᠪᠠᠶᠢᠭᠤᠯᠵᠤ᠂ 1089 ᠢᠵᠢ ᠶᠢ ᠨᠢᠬᠡᠨᠳᠡ ᠪᠠᠶᠢᠭᠤᠯᠵᠤ ᠲᠠᠭᠤᠰᠬᠠᠨ᠂ 20 ᠡᠷᠦᠬᠡ | ᠮᠠᠯᠴᠢᠨ ᠲᠠᠷᠢᠶᠠᠴᠢᠨ ᠤ ᠬᠢᠯᠢ ᠬᠢᠵᠠᠭᠠᠷ ᠲᠤ ᠰᠠᠭᠤᠷᠢᠰᠢᠵᠤ ᠬᠢᠯᠢ ᠬᠢᠵᠠᠭᠠᠷ ᠢᠶᠠᠨ ᠬᠠᠮᠠᠭᠠᠯᠠᠬᠤ ᠢᠨᠵᠧᠨᠧᠷᠢᠩ ᠢ | ᠬᠡᠷᠡᠭᠵᠢᠬᠦᠯᠪᠡ᠃ ᠤᠳᠤᠬᠠᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ ᠬᠢᠭᠰᠡᠨ ᠲᠠᠯᠠᠪᠠᠢ 16 | ᠲᠦᠮᠡᠨ ᠲᠡᠭᠰᠢ ᠲᠦᠷᠪᠡᠯᠵᠢᠨ ᠮᠧᠲᠷ ᠲᠤ ᠬᠦᠷᠴᠦ᠂ 1400 ᠡᠷᠦᠬᠡ ᠶᠢᠨ 5000 ᠢᠯᠡᠬᠦᠦ ᠬᠦᠮᠦᠨ ᠠᠰᠢᠭ | ᠬᠦᠷᠳᠡᠨ᠂ 4000 ᠡᠷᠦᠬᠡ ᠳᠤ ᠪᠠᠶᠢᠭᠠᠯᠢ ᠶᠢᠨ ᠰᠢᠳᠠᠮᠠᠬᠠᠢ ᠬᠡᠢ ᠤᠷᠤᠭᠤᠯᠬᠤ ᠢᠨᠵᠧᠨᠧᠷᠢᠩ ᠢ ᠪᠡᠶᠡᠯᠡᠬᠦᠯᠪᠡ᠃ | ᠰᠢᠨ᠎ᠡ ᠨᠢᠬᠡ ᠡᠬᠡᠯᠵᠢ ᠶᠢᠨ 《 ᠬᠤᠯᠢᠰᠢᠨ ᠢᠳᠡᠬᠡᠨ 》 ᠤ ᠢᠨᠵᠧᠨᠧᠷᠢᠩ ᠢ ᠡᠬᠢᠯᠡᠬᠦᠯᠦᠨ᠂ ᠠᠷᠠᠳ ᠲᠤ | ᠲᠦᠬᠦᠮ ᠦᠵᠡᠬᠦᠯᠬᠦ ᠢᠳᠡᠰᠢᠨ ᠨᠤᠭᠤᠭᠠᠨ ᠤ ᠰᠢᠭᠤᠳ ᠪᠤᠷᠤᠯᠠᠭᠤᠯᠬᠤ ᠲᠡᠯᠬᠡᠬᠦᠷ 20 ᠡᠷᠦᠬᠡ ᠪᠤᠯᠪᠠ᠃ ᠬᠤᠸᠠ | ᠶᠤᠸᠠᠨ ᠵᠠᠬ᠎ᠠ ᠲᠡᠯᠬᠡᠬᠦᠷ ᠢ ᠦᠬᠡᠷᠡᠴᠢᠯᠡᠨ᠂ ᠭᠤᠷᠪᠠᠳᠤᠭᠠᠷ ᠬᠦᠬᠦᠷᠬᠡ ᠶᠢᠨ ᠲᠦᠪ ᠵᠠᠬ᠎ᠠ ᠲᠡᠯᠬᠡᠬᠦᠷ ᠢ | ᠲᠦᠷᠢᠮᠵᠢᠬᠦᠯᠪᠠ᠃ ᠨᠠᠰᠤᠳᠠᠶᠢᠴᠤᠳ ᠲᠤ ᠦᠢᠯᠡᠴᠢᠯᠡᠬᠦ ᠬᠢᠷᠢ ᠲᠦᠪᠰᠢᠨ ᠢᠶᠠᠨ ᠬᠦᠴᠦᠯᠡᠨ ᠲᠡᠭᠡᠭᠰᠢᠯᠡᠬᠦᠯᠵᠦ᠂ | 100 ᠲᠦᠮᠡᠨ ᠲᠦᠬᠦᠷᠢᠭ ᠤᠨ ᠪᠡᠯᠡ ᠤᠷᠤᠭᠤᠯᠤᠨ10 ᠨᠡᠶᠢᠬᠡᠮ ᠲᠤᠭᠤᠷᠢᠭ ᠤᠨ ᠨᠠᠰᠤᠳᠠᠶᠢᠴᠤᠳ ᠢ ᠡᠳᠦᠷ ᠢᠶᠠᠷ | ᠬᠠᠷᠠᠭᠠᠯᠵᠠᠬᠤ ᠲᠦᠪ ᠢ ᠰᠢᠨ᠎ᠡ ᠪᠠᠷ ᠪᠠᠶᠢᠭᠤᠯᠵᠤ᠂ 7532 ᠨᠡᠷ᠎ᠡ 70 ᠨᠠᠰᠤᠨ ᠠᠴᠠ ᠲᠡᠭᠡᠭᠰᠢ | ᠨᠠᠰᠤᠳᠠᠶᠢᠴᠤᠳ ᠲᠤ ᠰᠦᠢᠳᠬᠡᠯ ᠬᠤᠷᠢᠶᠠᠬᠤ ᠦᠬᠡᠢ ᠭᠠᠷ ᠤᠳᠠᠰᠤ ᠲᠠᠷᠬᠠᠭᠠᠨ᠂ ᠠᠷᠠᠳ ᠲᠤ ᠲᠦᠬᠦᠮ | ᠦᠵᠡᠬᠦᠯᠵᠦ ᠨᠠᠰᠤᠳᠠᠶᠢᠴᠤᠳ ᠲᠤ ᠦᠢᠯᠡᠴᠢᠯᠡᠬᠦ 《12349》 ᠲᠠᠪᠴᠠᠩ ᠢ ᠨᠡᠪᠳᠡᠷᠡᠬᠦᠯᠪᠡ᠃ ᠪᠦᠬᠦ ᠵᠢᠯ | ᠳᠤ ᠡᠯ᠎ᠡ ᠲᠦᠷᠦᠯ ᠤᠨ ᠶᠠᠳᠠᠭᠤ ᠶᠢ ᠲᠡᠳᠬᠦᠬᠦ ᠪᠡᠯᠡ ᠮᠦᠩᠬᠦ 3080 ᠲᠦᠮᠡᠨ ᠲᠦᠬᠦᠷᠢᠭ ᠢ ᠤᠷᠤᠭᠤᠯᠤᠨ᠂ | ᠪᠦᠬᠦᠶᠢᠯᠡ ᠲᠤᠰᠬᠤᠨ ᠢᠶᠠᠷ ᠠᠬᠢᠭᠤᠯᠬᠤ᠂ ᠬᠠᠷᠢᠯᠴᠠᠨ ᠬᠠᠪᠰᠤᠷᠤᠯᠴᠠᠬᠤ ᠪᠡᠯᠡ ᠮᠦᠩᠬᠦᠨ ᠤ ᠲᠤᠷᠰᠢᠯᠳᠠ ᠶᠢᠨ ᠴᠡᠭ | ᠂ ᠪᠦᠬᠦᠯᠢ ᠬᠡᠰᠡᠭ ᠢᠶᠠᠷ ᠨᠢ ᠨᠡᠬᠡᠬᠡᠨ ᠬᠦᠭᠵᠢᠬᠦᠯᠬᠦ᠂ ᠠᠷᠠᠳ ᠢ ᠨᠡᠬᠦᠯᠬᠡᠵᠦ ᠪᠠᠯᠭᠠᠰᠤ ᠶᠢ ᠦᠷᠭᠡᠳᠬᠡᠬᠦ ᠵᠡᠷᠬᠡ | ᠲᠦᠷᠦᠯ ᠵᠤᠶᠢᠯ ᠢ ᠬᠡᠷᠡᠭᠵᠢᠬᠦᠯᠵᠦ᠂ ᠨᠡᠶᠢᠳᠡ 1063 ᠡᠷᠦᠬᠡ ᠶᠢᠨ 3081 ᠮᠠᠯᠴᠢᠨ ᠲᠠᠷᠢᠶᠠᠴᠢᠨ ᠶᠠᠳᠠᠭᠤ ᠠᠴᠠ | ᠯᠠᠪᠳᠠᠭᠤᠨ ᠢᠶᠠᠷ ᠠᠩᠬᠢᠵᠢᠷᠠᠵᠤ᠂ ᠠᠯᠠᠱᠠ ᠵᠡᠬᠦᠨ ᠬᠤᠰᠢᠭᠤ ᠨᠢ ᠪᠦᠬᠦ ᠤᠯᠤᠰ ᠤᠨ ᠮᠠᠯᠵᠢᠬᠤ ᠤᠷᠤᠨ ᠤ ᠪᠠᠭ᠎ᠠ | ᠲᠤᠭᠠᠨ ᠤ ᠢᠳᠡᠬᠡᠮᠵᠢᠳᠦ ᠵᠢᠬᠡᠯᠡᠯᠬᠡ ᠶᠢᠨ ᠲᠤᠷᠰᠢᠯᠳᠠ ᠶᠢᠨ ᠴᠡᠭ ᠤᠨ ᠬᠤᠰᠢᠭᠤ ᠰᠢᠶᠠᠨ ᠪᠤᠯᠪᠠ᠃ | ︵ᠶᠢᠰᠦ︶ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠪᠠᠷ ᠲᠠᠪᠰᠢᠪᠠ᠃ 1235 ᠲᠦᠮᠡᠨ ᠲᠦᠬᠦᠷᠢᠭ ᠤᠨ ᠪᠡᠯᠡ | ᠤᠷᠤᠭᠤᠯᠤᠨ᠂ ᠰᠢᠨᠵᠢᠯᠡᠭᠡ ᠮᠡᠷᠬᠡᠵᠢᠯ ᠤᠨ 25 ᠲᠦᠷᠦᠯ ᠵᠤᠶᠢᠯ ᠢ ᠬᠡᠷᠡᠭᠵᠢᠬᠦᠯᠵᠦ᠂ 20 ᠲᠦᠷᠦᠯ ᠤᠨ | ᠬᠡᠷᠡᠭᠯᠡᠬᠡᠨ ᠤ ᠮᠡᠷᠬᠡᠵᠢᠯ ᠢ ᠲᠡᠯᠬᠡᠷᠡᠬᠦᠯᠤᠨ᠂ ᠰᠢᠨᠵᠢᠯᠡᠭᠡ ᠮᠡᠷᠬᠡᠵᠢᠯ ᠤᠨ ᠪᠡᠶ᠎ᠡ ᠪᠠᠨ ᠲᠠᠭᠠᠭᠠᠵᠤ ᠰᠢᠨ᠎ᠡ ᠶᠢ ᠡᠬᠦᠳᠬᠦ | ᠪᠤᠯᠤᠨ ᠦᠷ᠎ᠡ ᠪᠦᠳᠦᠮᠵᠢ ᠶᠢ ᠬᠤᠪᠢᠷᠠᠭᠤᠯᠬᠤ ᠴᠢᠳᠠᠪᠤᠷᠢ ᠶᠢ ᠲᠠᠰᠤᠷᠠᠯᠳᠠ ᠦᠬᠡᠢ ᠲᠡᠭᠡᠭᠰᠢᠯᠡᠬᠦᠯᠪᠡ᠃ 2200 | ᠲᠦᠮᠡᠨ ᠲᠦᠬᠦᠷᠢᠭ ᠤᠨ ᠪᠡᠯᠡ ᠬᠤᠷᠠᠮᠳᠤᠭᠤᠯᠤᠨ᠂ ᠲᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ | ᠵᠢᠭᠠᠨ ᠰᠤᠷᠭᠠᠯᠳᠠ ᠶᠢᠨ ᠲᠦᠬᠦᠬᠡᠷᠦᠮᠵᠢ᠂ ᠪᠠᠶᠢᠷᠢ ᠶᠢᠨ ᠬᠡᠷ ᠲᠠᠢ ᠰᠤᠷᠭᠠᠭᠤᠯᠢ ᠶᠢᠨ ᠳᠦᠬᠦᠷ ᠲᠦᠬᠦᠬᠡᠷᠦᠮᠵᠢ ᠶᠢ | ᠰᠢᠨᠡᠳᠬᠡᠵᠦ ᠦᠬᠡᠷᠡᠴᠢᠯᠡᠨ ᠲᠡᠬᠦᠯᠳᠡᠷᠵᠢᠬᠦᠯᠪᠡ᠃ ᠬᠡᠤᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ 5 | ᠶᠡᠷᠦᠩᠬᠡᠶᠢᠯᠡᠭᠰᠡᠨ ᠠᠰᠠᠷ ᠢ ᠪᠦᠳᠦᠬᠡᠨ ᠪᠠᠶᠢᠭᠤᠯᠬᠤ ᠲᠦᠷᠦᠯ ᠵᠤᠶᠢᠯ ᠢ ᠬᠡᠷᠡᠭᠵᠢᠬᠦᠯᠪᠡ᠃ ᠮᠤᠩᠭᠤᠯ ᠦᠨᠳᠦᠰᠦᠳᠡᠨ | ᠤ ᠰᠤᠷᠭᠠᠭᠤᠯᠢ᠂ ᠬᠤᠳᠠ ᠶᠢᠨ ᠪᠠᠷᠠᠭᠤᠨ ᠲᠤᠭᠤᠷᠢᠭ ᠤᠨ ᠬᠡᠤᠭᠡᠳ ᠤᠨ ᠴᠡᠴᠡᠷᠯᠢᠭ ᠵᠢᠩᠬᠢᠨᠢ ᠪᠠᠷ ᠠᠰᠢᠭᠯᠠᠯᠳᠠ ᠳᠤ | ᠤᠷᠤᠪᠠ᠃ 156 ᠲᠦᠮᠡᠨ ᠲᠦᠬᠦᠷᠢᠭ ᠤᠨ ᠪᠡᠯᠡ ᠤᠷᠤᠭᠤᠯᠤᠨ 16 ᠰᠤᠷᠭᠠᠭᠤᠯᠢ ᠳᠤ ᠲᠤᠭᠠᠴᠢᠯᠠᠭᠰᠠᠨ ᠺᠢᠨᠤ᠋ | ᠶᠢᠨ ᠤᠷᠳᠤᠨ ᠤ ᠲᠦᠬᠦᠬᠡᠷᠦᠮᠵᠢ ᠶᠢ ᠤᠭᠰᠠᠷᠠᠵᠤ᠂ ᠮᠠᠨ ᠤ ᠬᠤᠰᠢᠭᠤ ᠨᠢ ᠪᠦᠬᠦ ᠤᠯᠤᠰ ᠤᠨ ᠠᠩᠬᠠᠨ ᠤ | ᠰᠤᠷᠭᠠᠭᠤᠯᠢ ᠶᠢᠨ ᠬᠦᠷᠢᠶᠡᠨ ᠤ ᠲᠤᠭᠠᠴᠢᠯᠠᠭᠰᠠᠨ ᠺᠢᠨᠤ᠋ ᠶᠢᠨ ᠤᠷᠳᠤᠨ ᠤ ᠲᠤᠷᠰᠢᠯᠳᠠ ᠶᠢᠨ ᠤᠷᠤᠨ ᠪᠤᠯᠪᠠ᠃ | ᠰᠤᠷᠭᠠᠨ ᠬᠦᠮᠦᠵᠢᠯ ᠳᠡᠩᠴᠡᠬᠦᠷᠢᠳᠡᠢ ᠬᠦᠭᠵᠢᠬᠦ ᠶᠢ ᠬᠦᠨᠵᠡᠬᠡᠢ ᠲᠦᠯᠬᠢᠨ ᠠᠬᠢᠭᠤᠯᠵᠤ᠂ ᠠᠷᠪᠠᠨ ᠲᠠᠪᠤᠨ ᠵᠢᠯ ᠤᠨ | ᠰᠦᠢᠳᠬᠡᠯ ᠬᠤᠷᠢᠶᠠᠬᠤ ᠦᠬᠡᠢ ᠰᠤᠷᠭᠠᠨ ᠬᠦᠮᠦᠵᠢᠯ ᠤᠨ ᠦᠷ᠎ᠡ ᠪᠦᠳᠦᠮᠵᠢ ᠪᠠᠬᠢᠵᠢᠵᠦ᠂ ᠵᠢᠭᠠᠨ ᠰᠤᠷᠭᠠᠬᠤ ᠬᠢᠷᠢ | ᠲᠦᠪᠰᠢᠨ ᠪᠤᠯᠤᠨ ᠰᠤᠷᠭᠠᠨ ᠬᠦᠮᠦᠵᠢᠯ ᠤᠨ ᠴᠢᠨᠠᠷ ᠴᠢᠨᠰᠠᠭ᠎ᠠ ᠢᠯᠡᠷᠬᠡᠢ ᠲᠡᠭᠡᠭᠰᠢᠯᠡᠪᠡ᠃ ᠰᠤᠶᠤᠯ ᠤᠨ ᠰᠤᠷᠠᠭ | ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠠᠰᠢᠭᠯᠠᠬᠤ ᠵᠡᠷᠬᠡ ᠠᠷᠠᠳ ᠢ ᠬᠠᠷᠠᠭᠠᠯᠵᠠᠬᠤ ᠢᠨᠵᠧᠨᠧᠷᠢᠩ ᠢ | ᠬᠡᠷᠡᠭᠵᠢᠬᠦᠯᠵᠦ᠂ ᠸᠠᠩ ᠤᠨ ᠤᠷᠳᠤᠨ ᠤ ᠴᠡᠴᠡᠷᠯᠢᠭ᠂ ᠰᠢᠨ᠎ᠡ ᠡᠷᠡᠨ ᠠᠭᠤᠳᠠᠮ ᠲᠠᠯᠠᠪᠠᠢ᠂ ᠪᠠᠶᠠᠨᠬᠤᠳᠠ ᠶᠢᠨ ᠪᠡᠶ᠎ᠡ | ᠶᠢᠨ ᠲᠠᠮᠢᠷ ᠤᠨ ᠲᠠᠯᠠᠪᠠᠢ ᠵᠡᠷᠬᠡ 3 ᠭᠠᠵᠠᠷ ᠤᠨ ᠵᠠᠳᠠᠭᠠᠢ ᠪᠦᠵᠢᠭ ᠤᠨ ᠲᠠᠶᠢᠰᠠ ᠶᠢ ᠦᠬᠡᠷᠡᠴᠢᠯᠡᠨ | ᠰᠠᠶᠢᠵᠢᠷᠠᠭᠤᠯᠵᠤ᠂ ᠪᠠᠶᠠᠨᠬᠤᠳᠠ ᠤᠷᠤᠨ ᠤ 38 ᠨᠡᠶᠢᠬᠡᠮ ᠲᠤᠭᠤᠷᠢᠭ ᠤᠨ ᠰᠤᠶᠤᠯ ᠤᠷᠠᠯᠢᠭ ᠤᠨ ᠪᠦᠯᠬᠦᠮ ᠳᠤ | ᠲᠠᠭᠤ ᠬᠦᠩᠬᠢᠨᠡᠬᠦᠷ ᠤᠨ ᠲᠦᠬᠦᠬᠡᠷᠦᠮᠵᠢ ᠶᠢ ᠤᠭᠰᠠᠷᠴᠤ᠂ ᠮᠠᠯᠵᠢᠬᠤ ᠲᠠᠷᠢᠶᠠᠯᠠᠬᠤ ᠤᠷᠤᠨ ᠳᠤ ᠷᠠᠳᠢᠤ᠋ ᠲᠧᠯᠸᠢᠰ | ᠦᠨᠳᠦᠰᠦᠨ ᠳᠡᠭᠡᠨ ᠨᠡᠶᠢᠳᠡᠮ ᠨᠡᠪᠳᠡᠷᠡᠵᠦ᠂ ᠬᠤᠳᠠ ᠬᠦᠳᠡᠭᠡ ᠶᠢᠨ ᠤᠯᠠᠨ ᠲᠦᠮᠡᠨ ᠤ ᠤᠶᠤᠨ ᠤ ᠰᠤᠶᠤᠯ ᠤᠨ | ᠠᠮᠢᠳᠤᠷᠠᠯ ᠢ ᠪᠠᠶᠠᠯᠢᠭᠵᠢᠭᠤᠯᠪᠠ᠃ ᠪᠤᠶᠠᠨ ᠠᠷᠪᠢᠳᠬᠠᠭᠴᠢ ᠰᠦᠮ᠎ᠡ ᠶᠢ ᠵᠠᠰᠠᠨ ᠰᠡᠯᠪᠢᠬᠦ ᠢᠨᠵᠧᠨᠧᠷᠢᠩ ᠢ | ᠡᠷᠴᠢᠮᠳᠡᠢ ᠲᠦᠯᠬᠢᠨ ᠠᠬᠢᠭᠤᠯᠵᠤ᠂ ᠠᠩᠬᠠᠳᠤᠭᠠᠷ ᠤᠳᠠᠭᠠᠨ ᠤ ᠰᠢᠯᠵᠢᠬᠦᠯᠵᠤ ᠪᠤᠯᠬᠤ ᠲᠡᠤᠭᠡ ᠶᠢᠨ ᠲᠤᠷᠠᠰᠬᠠᠯᠳᠤ | ᠵᠤᠶᠢᠯ ᠢ ᠨᠡᠶᠢᠳᠡᠮ ᠪᠠᠶᠢᠴᠠᠭᠠᠬᠤ ᠠᠵᠢᠯ ᠢ ᠡᠬᠢᠯᠡᠬᠦᠯᠪᠡ᠃ ᠰᠤᠮᠤ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ | ᠶᠢ ᠪᠠᠷᠢᠮᠵᠢᠶᠠᠵᠢᠭᠤᠯᠬᠤ ᠪᠦᠳᠦᠬᠡᠨ ᠪᠠᠶᠢᠭᠤᠯᠤᠯᠳᠠ ᠡᠮᠬᠢ ᠲᠠᠷᠠᠭ᠎ᠠ ᠲᠠᠢ ᠠᠬᠢᠵᠤ᠂ 1380 ᠲᠦᠮᠡᠨ | ᠲᠦᠬᠦᠷᠢᠭ ᠤᠨ ᠪᠡᠯᠡ ᠤᠷᠤᠭᠤᠯᠤᠨ ᠦᠨᠳᠦᠰᠦᠨ ᠱᠠᠳᠤᠨ ᠤ 6 ᠡᠷᠡᠬᠦᠯ ᠬᠠᠮᠠᠭᠠᠯᠠᠯ ᠤᠨ ᠬᠤᠷᠢᠶᠠᠨ ᠤ ᠠᠵᠢᠯ | ᠳᠤ ᠬᠡᠷᠡᠭᠯᠡᠬᠦ ᠬᠡᠷ ᠪᠤᠯᠤᠨ ᠠᠵᠢᠯᠳᠠᠨ ᠤ ᠬᠤᠨᠤᠬᠤ ᠭᠡᠷ ᠢ ᠪᠦᠳᠦᠬᠡᠨ ᠪᠠᠶᠢᠭᠤᠯᠵᠤ᠂ ᠭᠠᠴᠠᠭ᠎ᠠ ᠲᠤᠰᠬᠤᠨ ᠤ ᠡᠮᠴᠢ | ᠶᠢᠨ ᠴᠠᠯᠢᠩ ᠤᠯᠭᠤᠮᠵᠢ ᠶᠢ ᠲᠡᠭᠡᠭᠰᠢᠯᠡᠬᠦᠯᠪᠡ᠃ ᠦᠨᠳᠦᠰᠦᠨ ᠡᠮ ᠢ ᠦᠨ᠎ᠡ ᠶᠢᠨ ᠵᠦᠷᠢᠶ᠎ᠠ ᠦᠬᠡᠢ ᠪᠠᠷ | ᠪᠤᠷᠤᠯᠠᠭᠤᠯᠬᠤ ᠶᠢ ᠤᠯᠠᠮ ᠢᠶᠠᠷ ᠲᠤᠷᠰᠢᠨ ᠬᠡᠷᠡᠭᠵᠢᠬᠦᠯᠵᠦ᠂ ᠰᠢᠨ᠎ᠡ ᠬᠡᠯᠪᠡᠷᠢ ᠶᠢᠨ ᠮᠠᠯᠵᠢᠬᠤ ᠲᠡᠷᠢᠶᠠᠯᠠᠬᠤ ᠤᠷᠤᠨ ᠤ | ᠬᠤᠷᠰᠢᠭᠰᠠᠨ ᠡᠮᠨᠡᠯᠬᠡ ᠶᠢᠨ ᠦᠢᠯᠡᠴᠢᠯᠡᠭᠡ ᠴᠢᠨᠠᠭᠰᠢᠳᠠ ᠲᠡᠬᠦᠯᠳᠡᠷᠵᠢᠪᠡ᠃ ᠬᠦᠮᠦᠨ ᠠᠮᠠ ᠬᠢᠬᠡᠳ ᠲᠦᠯᠦᠪᠯᠡᠬᠡᠳᠦ | ᠬᠦᠩᠬᠡᠵᠢᠯ ᠤᠨ ᠠᠵᠢᠯ ᠢ ᠲᠠᠰᠤᠷᠠᠯᠳᠠ ᠦᠬᠡᠢ ᠴᠢᠩᠭᠠᠳᠬᠠᠨ᠂ ᠲᠤᠤᠷ᠎ᠠ ᠬᠦᠩᠬᠡᠵᠢᠯ ᠤᠨ ᠲᠦᠪᠰᠢᠨ ᠢ | ᠪᠠᠳᠤᠳᠬᠠᠪᠠ᠃ ᠪᠠᠷᠠᠭᠤᠨ ᠴᠡᠴᠡᠷᠯᠢᠭ᠂ ᠽᠢ ᠶᠤᠸᠠᠨ ᠬᠤᠸᠠ ᠲᠢᠩ᠂ ᠯᠢᠤ ᠱᠤ᠋ ᠭᠸᠤ᠂ ᠸᠠᠩ ᠤᠨ ᠤᠷᠳᠤᠨ ᠵᠡᠷᠬᠡ | ᠨᠡᠶᠢᠬᠡᠮ ᠲᠤᠭᠤᠷᠢᠭ ᠤᠨ ᠠᠯᠪᠠᠯᠠᠬᠤ ᠦᠢᠯᠡᠴᠢᠯᠡᠬᠡᠨ ᠤ ᠭᠠᠵᠠᠷ ᠢ ᠦᠬᠡᠷᠡᠴᠢᠯᠡᠨ ᠰᠠᠶᠢᠵᠢᠷᠠᠭᠤᠯᠵᠤ᠂ ᠨᠡᠶᠢᠬᠡᠮ | ᠲᠤᠭᠤᠷᠢᠭ ᠤᠨ ᠦᠢᠯᠡᠴᠢᠯᠡᠬᠡᠨ ᠤ ᠴᠢᠳᠠᠪᠬᠢ ᠤᠯᠠᠮ ᠨᠢᠬᠡ ᠠᠯᠬᠤᠮ ᠲᠡᠭᠡᠭᠰᠢᠯᠡᠪᠡ᠃ ᠠᠯᠠᠱᠠ ᠵᠡᠬᠦᠨ ᠬᠤᠰᠢᠭᠤᠨ | ᠤ ᠨᠤᠮ ᠤᠨ ᠰᠠᠩ 《 ᠪᠦᠬᠦ ᠤᠷᠤᠨ ᠤ ᠠᠷᠪᠠᠨ ᠰᠢᠯᠢᠳᠡᠭ ᠨᠤᠮ ᠤᠨ ᠰᠠᠩ》 ᠢᠶᠠᠷ ᠦᠨᠡᠯᠡᠭᠳᠡᠪᠡ᠃ ᠪᠠᠷᠠᠭᠤᠨ | ᠪᠡᠯ ᠪᠠᠯᠭᠠᠰᠤ᠂ ᠤᠨᠳᠤᠷᠤᠯᠳᠤ ᠪᠠᠯᠭᠠᠰᠤ ᠪᠦᠬᠦ ᠤᠷᠤᠨ ᠤ ᠪᠤᠯᠪᠠᠰᠤᠨ ᠲᠤᠰᠬᠤᠨ ᠪᠠᠯᠭᠠᠰᠤ ᠪᠠᠷ ᠦᠨᠡᠯᠡᠭᠳᠡᠨ᠂ | ᠪᠠᠶᠠᠨᠬᠤᠳᠠ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢᠨ ᠬᠡᠮᠵᠢᠨ ᠲᠤᠭᠳᠠᠭᠠᠯᠳᠠ ᠶᠢ ᠠᠮᠵᠢᠯᠳᠠᠳᠠᠢ | ᠦᠩᠬᠡᠷᠡᠬᠡᠪᠡ᠃ | ︵ᠠᠷᠪᠠ︶ ᠠᠷᠠᠳᠴᠢᠯᠠᠯ ᠬᠠᠤᠯᠢ ᠲᠦᠷᠢᠮ ᠤᠨ ᠪᠠᠶᠢᠭᠤᠯᠤᠯᠳᠠ ᠲᠠᠰᠤᠷᠠᠯᠳᠠ ᠦᠬᠡᠢ ᠴᠢᠩᠭᠠᠷᠠᠪᠠ᠃ ᠨᠢᠬᠡ ᠵᠢᠯ | ᠤᠨ ᠲᠤᠷᠰᠢ᠂ ᠬᠤᠰᠢᠭᠤᠨ ᠤ ᠵᠠᠰᠠᠭ ᠤᠨ ᠤᠷᠳᠤᠨ᠂ ᠬᠤᠰᠢᠭᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠳᠠ ᠪᠤᠯᠤᠨ ᠠᠵᠢᠯ ᠤᠨ ᠬᠢᠨᠠᠯᠳᠡ᠂ | ᠬᠤᠰᠢᠭᠤᠨ ᠤ ᠤᠯᠤᠰ ᠲᠦᠷᠦ ᠶᠢᠨ ᠵᠦᠪᠯᠡᠯᠬᠡᠨ ᠤ ᠠᠷᠠᠳᠴᠢᠯᠠᠯ ᠤᠨ ᠬᠢᠨᠠᠯᠳᠠ ᠪᠤᠯᠤᠨ ᠪᠦᠬᠦ ᠨᠡᠶᠢᠬᠡᠮ ᠤᠨ ᠶᠠᠷᠢᠶ᠎ᠠ | ᠬᠡᠯᠡᠯᠴᠡᠬᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠨ ᠠᠪᠴᠤ᠂ ᠨᠡᠶᠢᠬᠡᠮ ᠤᠨ ᠡᠯ᠎ᠡ ᠡᠳᠡᠭᠡᠳ ᠤᠨ ᠬᠦᠰᠡᠯ | ᠱᠠᠭᠠᠷᠳᠠᠯᠭ᠎ᠠ ᠶᠢ ᠦᠷᠬᠡᠨ ᠢᠶᠠᠷ ᠰᠤᠨᠤᠰᠴᠤ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠰᠢᠢᠳᠪᠦᠷᠢ | ᠶᠢ ᠬᠢᠨᠠᠮᠠᠭᠠᠢ ᠬᠦᠢᠴᠡᠳᠬᠡᠨ᠂ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠬᠢᠨᠠᠨ ᠵᠦᠪᠯᠡᠭᠰᠡᠨ ᠰᠠᠨᠠᠯ ᠢ ᠨᠠᠶᠢᠳᠠᠪᠤᠷᠢᠵᠢᠭᠤᠯᠵᠤ᠂ ᠪᠦᠬᠦ ᠵᠢᠯ ᠳᠤ ᠠᠷᠠᠳ ᠤᠨ ᠲᠦᠯᠦᠬᠡᠯᠡᠭᠴᠢᠳ ᠤᠨ ᠰᠠᠨᠠᠯ | ᠰᠠᠨᠠᠭᠤᠯᠭ᠎ᠠ ᠶᠢ 84 ᠬᠤᠪᠢ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠰᠠᠨᠠᠯ ᠳᠤᠷᠠᠳᠤᠯᠭ᠎ᠠ ᠶᠢ 58 | ᠬᠤᠪᠢ ᠰᠢᠢᠳᠪᠦᠷᠢᠯᠡᠪᠡ᠃ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠠᠬᠢᠭᠤᠯᠤᠨ᠂ ᠵᠠᠰᠠᠭ ᠤᠨ ᠶᠠᠪᠤᠳᠠᠯ ᠢ | ᠢᠯᠡ ᠪᠤᠯᠭᠠᠬᠤ ᠶᠢ ᠴᠢᠩᠭᠠᠳᠬᠠᠵᠤ᠂ 《 ᠠᠯᠠᠱᠠ ᠵᠡᠬᠦᠨ ᠬᠤᠰᠢᠭᠤᠨ ᠤ ᠴᠢᠬᠤᠯᠠ ᠶᠡᠭᠡ ᠵᠠᠰᠠᠭ ᠵᠠᠬᠢᠷᠭᠠᠨ ᠤ | ᠰᠢᠢᠳᠪᠦᠷᠢᠳᠦ ᠪᠤᠳᠤᠯᠭ᠎ᠠ ᠲᠤᠭᠳᠠᠭᠠᠬᠤ ᠲᠤᠭᠳᠠᠭᠠᠯ》 ᠢ ᠭᠠᠷᠭᠠᠵᠤ᠂ ᠠᠷᠠᠳᠴᠢᠯᠠᠯ ᠢᠶᠠᠷ ᠰᠢᠢᠳᠪᠦᠷᠢᠳᠤ | ᠪᠤᠳᠤᠯᠭ᠎ᠠ ᠲᠤᠭᠳᠠᠭᠠᠬᠤ ᠪᠤᠯᠤᠨ ᠰᠢᠨᠵᠢᠯᠡᠬᠦ ᠤᠬᠠᠭᠠᠨᠴᠢ ᠪᠠᠷ ᠰᠢᠢᠳᠪᠦᠷᠢᠳᠦ ᠪᠤᠳᠤᠯᠭ᠎ᠠ ᠲᠤᠭᠳᠠᠭᠠᠬᠤ ᠶᠢ | ᠴᠢᠩᠭᠠᠳᠬᠠᠵᠤ᠂ ᠵᠠᠰᠠᠭ ᠵᠠᠬᠢᠷᠭᠠᠨ ᠤ ᠠᠵᠢᠯᠯᠠᠭ᠎ᠠ ᠶᠢ ᠲᠦᠷᠢᠮᠵᠢᠬᠦᠯᠪᠡ᠃ ᠵᠠᠰᠠᠭ ᠤᠨ ᠤᠷᠳᠤᠨ ᠤ ᠬᠤᠳᠠᠯᠳᠤᠨ | ᠠᠪᠬᠤ᠂ ᠪᠠᠷᠢᠯᠭ᠎ᠠ ᠶᠢᠨ ᠲᠠᠭᠠᠭᠠᠴᠢᠯᠠᠯᠳᠠ ᠵᠠᠷᠯᠠᠵᠤ ᠬᠦᠯᠢᠶᠡᠬᠦ ᠪᠤᠯᠤᠨ ᠡᠳ᠋ ᠤᠨ ᠵᠠᠰᠠᠭ ᠤᠨ ᠰᠢᠯᠭᠠᠨ ᠦᠨᠡᠯᠡᠯᠳᠡ | ᠵᠡᠷᠬᠡ ᠲᠦᠷᠢᠮ ᠲᠤᠭᠳᠠᠭᠠᠯ ᠢ ᠴᠢᠩᠭ᠎ᠠ ᠳᠦᠷᠢᠮᠵᠢᠬᠦᠯᠵᠤ ᠨᠠᠶᠢᠳᠠᠪᠤᠷᠢᠵᠢᠭᠤᠯᠪᠠ᠃ 《 ᠤᠳᠤᠷᠢᠳᠬᠤ ᠺᠠᠳ᠋ᠷ | ᠰᠤᠷᠪᠤᠯᠵᠢᠯᠠᠭ᠎ᠠ ᠶᠢ ᠬᠦᠯᠢᠶᠡᠨ ᠠᠪᠬᠤ ᠪᠠ ᠲᠤᠷᠤᠭᠰᠢ ᠪᠠᠭᠤᠵᠤ ᠰᠤᠷᠪᠤᠯᠵᠢᠯᠠᠬᠤ》 ᠠᠵᠢᠯᠯᠠᠬᠤ ᠬᠡᠯᠪᠡᠷᠢ ᠶᠢ | ᠪᠦᠬᠦ ᠲᠠᠯ᠎ᠠ ᠪᠠᠷ ᠬᠡᠷᠡᠭᠵᠢᠬᠦᠯᠵᠤ᠂ ᠨᠢᠬᠡ ᠪᠦᠯᠦᠭ ᠳᠦᠪᠡᠭ ᠪᠤᠳᠤᠯᠢᠶᠠᠨᠳᠠᠢ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠪᠠᠶᠢᠴᠠᠭᠠᠨ ᠡᠶᠡᠳᠡᠬᠦᠯᠵᠤ ᠰᠢᠢᠳᠪᠦᠷᠢᠯᠡᠪᠡ᠃ ᠢᠳᠡᠬᠡᠨ ᠡᠮ ᠤᠨ ᠵᠤᠶᠢᠯᠡᠰ ᠤᠨ ᠠᠮᠤᠷ ᠲᠦᠪᠰᠢᠨ ᠪᠤᠯᠤᠨ ᠠᠶᠤᠯᠬᠦᠢ | ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠪᠦᠬᠦ ᠵᠢᠯ ᠳᠤ ᠢᠳᠡᠬᠡᠨ ᠡᠮ ᠤᠨ ᠵᠤᠶᠢᠯᠡᠰ ᠤᠨ | ᠠᠮᠤᠷ ᠲᠦᠪᠰᠢᠨ ᠤ ᠬᠡᠷᠡᠭ ᠪᠠ ᠬᠦᠨᠳᠦ ᠤᠨᠴᠠ ᠶᠡᠭᠡ ᠦᠢᠯᠡᠳᠪᠦᠷᠢᠯᠡᠯ ᠤᠨ ᠠᠮᠤᠷ ᠲᠦᠪᠰᠢᠨ ᠤ ᠬᠡᠷᠡᠭ | ᠡᠬᠦᠰᠦᠭᠰᠡᠨ ᠦᠬᠡᠢ᠃ ᠨᠡᠶᠢᠬᠡᠮ ᠤᠨ ᠠᠮᠤᠷ ᠳᠦᠪᠰᠢᠨ ᠤ ᠶᠡᠷᠦᠩᠬᠡᠶᠢᠯᠡᠭᠰᠡᠨ ᠵᠠᠰᠠᠯᠳᠠ ᠶᠢ ᠴᠢᠩᠭᠠᠳᠬᠠᠵᠤ᠂ | 《ᠠᠮᠤᠷ ᠳᠤᠭᠳᠠᠭᠤᠨ ᠠᠯᠠᠱᠠ ᠵᠡᠬᠦᠨ ᠬᠤᠰᠢᠭᠤ》 ᠶᠢᠨ ᠪᠠᠶᠢᠭᠤᠯᠤᠯᠳᠠ ᠶᠢ ᠯᠠᠪᠳᠠᠭᠤᠨ ᠢᠶᠠᠷ ᠠᠬᠢᠭᠤᠯᠤᠨ᠂ | 5500 ᠲᠦᠮᠡᠨ ᠲᠦᠬᠦᠷᠢᠭ ᠤᠨ ᠪᠡᠯᠡ ᠤᠷᠤᠭᠤᠯᠵᠤ ᠪᠦᠬᠦ ᠬᠤᠰᠢᠭᠤᠨ ᠤ ᠪᠠᠴᠢᠮ ᠢ ᠠᠷᠭᠠᠴᠠᠭᠠᠬᠤ ᠵᠢᠭᠠᠨ | ᠵᠢᠯᠤᠭᠤᠳᠬᠤ ᠸᠢᠳᠢᠤ᠋ ᠬᠢᠨᠠᠨ ᠡᠵᠡᠮᠰᠢᠬᠦ ᠰᠢᠰᠲ᠋ᠧᠮ ᠤᠨ ᠪᠠᠶᠢᠭᠤᠯᠤᠯᠳᠠ ᠶᠢ ᠤᠷᠤᠭᠰᠢᠳᠠᠢ ᠲᠦᠯᠬᠢᠨ ᠠᠬᠢᠭᠤᠯᠵᠤ᠂ | 《210》 ᠢᠨᠵᠧᠨᠧᠷᠢᠩ ᠤᠨ ᠲᠤᠨᠤᠭᠯᠠᠯ ᠤᠨ ᠲᠦᠯᠦᠪᠵᠢᠬᠦᠯᠬᠡ ᠲᠤᠭ᠎ᠠ ᠪᠦᠷᠢᠳᠬᠡᠯ ᠪᠤᠯᠤᠨ ᠪᠠᠴᠢᠮ ᠢ | ᠠᠷᠭᠠᠴᠠᠭᠠᠬᠤ ᠪᠤᠳᠠᠰ ᠴᠠᠭᠳᠠᠨ ᠬᠡᠷᠡᠭᠯᠡᠬᠦ ᠲᠤᠨᠤᠭᠯᠠᠯ ᠤᠨ ᠬᠦᠮᠦᠷᠬᠡ ᠶᠢᠨ ᠪᠦᠳᠦᠬᠡᠨ ᠪᠠᠶᠢᠭᠤᠯᠤᠯᠳᠠ ᠶᠢ | ᠪᠡᠶᠡᠯᠡᠬᠦᠯᠵᠦ᠂ ᠡᠯ᠎ᠡ ᠲᠦᠷᠦᠯ ᠤᠨ ᠬᠠᠤᠯᠢ ᠶᠢ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ ᠬᠦᠨᠳᠦ | ᠴᠤᠬᠢᠯᠳᠠ ᠦᠭᠴᠦ᠂ ᠠᠷᠠᠳ ᠤᠯᠠᠨ ᠤ ᠠᠮᠤᠷ ᠲᠦᠪᠰᠢᠨ ᠤ ᠳᠦᠷᠦᠭᠳᠡᠯ ᠢᠯᠡᠷᠬᠡᠢ ᠨᠡᠮᠡᠭᠳᠡᠭᠰᠡᠨ ᠪᠠᠶᠢᠨ᠎ᠠ᠃ | 《ᠵᠢᠷᠭᠤᠳᠤᠭᠠᠷ ᠲᠠᠪᠤᠨ ᠵᠢᠯ》 ᠤᠨ ᠬᠠᠤᠯᠢ ᠲᠦᠬᠡᠮᠡᠯᠵᠢᠬᠦᠯᠬᠦ ᠠᠵᠢᠯ ᠢ ᠪᠦᠬᠦ ᠲᠠᠯ᠎ᠠ ᠪᠠᠷ ᠬᠡᠷᠡᠭᠵᠢᠬᠦᠯᠦᠨ᠂ | ᠦᠷᠬᠡᠨ ᠤᠯᠠᠨ ᠺᠠᠳ᠋ᠷ ᠲᠦᠮᠡᠨ ᠤ ᠬᠠᠤᠯᠢ ᠲᠦᠷᠢᠮ ᠤᠨ ᠲᠠᠨᠢᠯᠳᠠ ᠨᠡᠶᠢᠳᠡᠮ ᠲᠡᠭᠡᠭᠰᠢᠯᠡᠪᠡ᠃ ᠲᠦᠪ ᠬᠤᠷᠢᠶᠠᠨ ᠤ | ᠨᠠᠢᠮᠠᠨ ᠵᠤᠶᠢᠯ ᠤᠨ ᠲᠤᠭᠳᠠᠭᠠᠯ ᠪᠤᠯᠤᠨ ᠦᠪᠡᠷᠳᠡᠬᠡᠨ ᠵᠠᠰᠠᠬᠤ ᠤᠷᠤᠨ ᠤ 28 ᠵᠤᠷᠪᠤᠰ ᠳᠦᠬᠦᠷ ᠲᠤᠭᠳᠠᠭᠠᠯ ᠢ | ᠬᠢᠨᠠᠮᠠᠭᠠᠢ ᠨᠠᠶᠢᠳᠠᠪᠤᠷᠢᠵᠢᠭᠤᠯᠤᠨ᠂ 《ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠵᠤ᠂ ᠠᠵᠢᠯ ᠤᠨ ᠰᠤᠷᠳᠠᠯ ᠢ | ᠴᠡᠭᠴᠡᠯᠡᠬᠦ》 ᠪᠠᠷ ᠭᠤᠤᠯ ᠠᠭᠤᠯᠭ᠎ᠠ ᠪᠠᠨ ᠪᠤᠯᠭᠠᠭᠰᠠᠨ《 ᠵᠠᠰᠠᠨ ᠴᠡᠭᠴᠡᠯᠡᠬᠦ᠂ ᠪᠠᠶᠢᠭᠤᠯᠬᠤ᠂ ᠪᠤᠢ ᠪᠤᠯᠭᠠᠬᠤ》 | ᠲᠤᠰᠬᠠᠢ ᠲᠦᠷᠦᠯ ᠤᠨ ᠠᠵᠢᠯᠯᠠᠭ᠎ᠠ ᠶᠢ ᠦᠷᠨᠢᠬᠦᠯᠦᠨ᠂ 《 ᠪᠤᠯᠬᠢ ᠬᠤᠶᠢᠷᠭᠤ ᠰᠤᠯᠠ ᠵᠠᠳᠠᠭᠠᠢ᠂ ᠪᠦᠷᠢᠯᠬᠡᠬᠦ | ᠱᠠᠮᠰᠢᠬᠤ ᠬᠤᠪᠢᠨᠴᠢᠷᠯᠠᠬᠤ᠂ ᠬᠡᠷᠴᠡᠬᠡᠢ ᠪᠠᠯᠠᠮᠠᠳ ᠰᠢᠷᠦᠬᠦᠨ 》 ᠵᠢᠴᠢ 《 ᠲᠦᠷᠪᠡᠨ ᠰᠤᠷᠳᠠᠯ》 ᠤᠨ ᠲᠠᠯ᠎ᠠ ᠪᠠᠷ | ᠤᠷᠤᠰᠢᠵᠤ ᠪᠠᠶᠢᠭ᠎ᠠ ᠠᠰᠠᠭᠤᠳᠠᠯ ᠢ ᠲᠦᠪᠯᠡᠷᠡᠬᠦᠯᠦᠨ ᠴᠡᠭᠴᠡᠯᠡᠵᠦ᠂ ᠠᠯᠪᠠᠨ ᠪᠠᠶᠢᠭᠤᠯᠭ᠎ᠠ ᠶᠢᠨ ᠰᠤᠷᠳᠠᠯ ᠢᠯᠡᠷᠬᠡᠢ | ᠰᠠᠶᠢᠵᠢᠷᠠᠪᠠ︔ ᠪᠢᠴᠢᠭ ᠮᠠᠲ᠋ᠧᠷᠢᠶᠠᠯ᠂ ᠲᠤᠪᠴᠢ ᠮᠡᠳᠡᠭᠡ᠂ ᠬᠤᠷᠠᠯ ᠠᠬᠤᠢ ᠶᠢ ᠶᠡᠬᠡᠪᠡᠷ ᠴᠤᠮᠬᠠᠳᠬᠠᠵᠤ᠂ ᠠᠯᠪᠠᠨ | ᠶᠠᠪᠤᠳᠠᠯ ᠤᠨ ᠠᠵᠢᠯᠯᠠᠭ᠎ᠠ ᠶᠢ ᠲᠦᠷᠢᠮᠵᠢᠬᠦᠯᠵᠦ᠂ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠠᠯᠪᠠᠨ ᠳᠤ ᠬᠡᠷᠡᠭᠯᠡᠬᠦ | ᠲᠡᠷᠭᠡ᠂ ᠠᠯᠪᠠᠨ ᠬᠡᠷ ᠵᠡᠷᠬᠡ ᠲᠤᠰᠬᠠᠢ ᠲᠦᠷᠦᠯ ᠤᠨ ᠴᠡᠭᠴᠡᠯᠡᠯᠳᠡ ᠶᠢ ᠲᠦᠪᠯᠡᠷᠡᠬᠦᠯᠦᠨ ᠦᠷᠨᠢᠬᠦᠯᠵᠦ᠂ ᠲᠦᠷᠢᠮ | ᠠᠴᠠ ᠵᠦᠷᠢᠴᠡᠭᠰᠡᠨ 1 ᠠᠯᠪᠠᠨ ᠤ ᠲᠡᠷᠭᠡ ᠶᠢ ᠰᠢᠢᠳᠪᠦᠷᠢᠯᠡᠨ᠂ ᠤᠷᠤᠨ ᠲᠤᠭ᠎ᠠ ᠠᠴᠠ ᠬᠡᠳᠦᠷᠡᠭᠰᠡᠨ 33 ᠲᠡᠷᠭᠡ | ᠶᠢ ᠲᠤᠬᠢᠷᠠᠭᠤᠯᠵᠤ᠂ 1.98 ᠲᠦᠮᠡᠨ ᠲᠡᠭᠰᠢ ᠲᠦᠷᠪᠡᠯᠵᠢᠨ ᠮᠧᠲᠷ ᠤᠨ ᠠᠯᠪᠠᠨ ᠤ ᠭᠡᠷ ᠢ ᠰᠤᠯᠠᠳᠬᠠᠨ ᠪᠤᠴᠠᠭᠠᠪᠠ᠃ | ᠪᠦᠬᠦ ᠬᠤᠰᠢᠭᠤᠨ ᠤ ᠵᠤᠴᠢᠯᠠᠬᠤ ᠵᠠᠷᠤᠳᠠᠯ ᠠᠳᠠᠯᠢ ᠬᠤᠭᠤᠴᠠᠭᠠᠨ ᠤ ᠬᠢ ᠠᠴᠠ 29% ᠪᠠᠷ ᠪᠠᠭᠤᠷᠠᠨ᠂ ᠠᠯᠪᠠᠨ | ᠤ ᠳᠡᠷᠬᠡ ᠬᠤᠳᠠᠯᠳᠤᠨ ᠠᠪᠬᠤ ᠵᠠᠷᠤᠳᠠᠯ ᠠᠳᠠᠯᠢ ᠬᠤᠭᠤᠴᠠᠭᠠᠨ ᠤ ᠬᠢ ᠠᠴᠠ 38.6% ᠪᠠᠷ ᠪᠠᠭᠤᠷᠠᠪᠠ᠃ ᠵᠠᠰᠠᠭ | ᠵᠠᠬᠢᠷᠭᠠᠨ ᠤ ᠬᠢᠨᠠᠨ ᠪᠠᠶᠢᠴᠠᠭᠠᠬᠤ᠂ ᠬᠢᠨᠠᠨ ᠪᠤᠳᠤᠵᠤ ᠬᠢᠨᠠᠯᠳᠠ ᠲᠠᠯᠪᠢᠬᠤ ᠡᠷᠴᠢᠮ ᠢᠶᠠᠨ ᠤᠯᠠᠮ ᠨᠢᠬᠡ ᠠᠯᠬᠤᠮ | ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ | ᠵᠡᠷᠬᠡ ᠤᠯᠠᠨ ᠲᠦᠮᠡᠨᠴᠢ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠂ ᠲᠤᠭ᠎ᠠ | ᠪᠦᠷᠢᠳᠬᠡᠯ᠂ ᠲᠠᠩᠰᠠ ᠡᠪᠬᠡᠮᠡᠯ᠂ ᠠᠭᠠᠷ ᠤᠨ ᠰᠡᠷᠬᠡᠶᠢᠯᠡᠯᠳᠡ᠂ ᠵᠡᠮᠳᠡᠭᠴᠤᠳ ᠤᠨ ᠬᠤᠯᠪᠤᠭᠠᠳᠤ ᠬᠤᠷᠠᠯ᠂ | ᠦᠨᠳᠦᠰᠦᠳᠡᠨ ᠱᠠᠰᠢᠨ ᠰᠤᠷᠳᠠᠬᠤᠨ᠂ ᠡᠨᠡᠷᠢᠩᠬᠦᠢ ᠦᠢᠯᠡᠰ ᠵᠡᠷᠬᠡ ᠠᠵᠢᠯ ᠰᠢᠨ᠎ᠡ ᠠᠮᠵᠢᠯᠳᠠ ᠶᠢ ᠤᠯᠪᠠ᠃ | ᠲᠦᠯᠦᠭᠡᠯᠡᠭᠴᠢᠳ ᠡ᠂ ᠦᠩᠬᠡᠷᠡᠭᠰᠡᠨ ᠨᠢᠬᠡ ᠵᠢᠯ ᠳᠤ ᠪᠢᠳᠡᠨ ᠳᠤ ᠵᠢᠱᠢᠯᠳᠡ ᠠᠴᠠ ᠳᠠᠪᠠᠭᠰᠠᠨ ᠬᠦᠴᠢᠷ | ᠪᠡᠷᠬᠡᠰᠢᠶᠠᠯ ᠳᠤᠯᠭᠠᠷᠠᠵᠤ᠂ ᠠᠵᠤ ᠠᠬᠤᠢ ᠨᠡᠶᠢᠬᠡᠮ ᠤᠨ ᠡᠯ᠎ᠡ ᠲᠦᠷᠦᠯ ᠤᠨ ᠤᠶᠢᠯᠡᠰ ᠤᠨ ᠬᠦᠭᠵᠢᠯᠳᠡ ᠶᠢᠨ | ᠬᠠᠷᠠᠯᠳᠠ ᠪᠠᠨ ᠪᠦᠬᠦ ᠲᠠᠯ᠎ᠠ ᠪᠠᠷ ᠪᠡᠶᠡᠯᠡᠬᠦᠯᠦᠭᠰᠡᠨ ᠨᠢ ᠦᠨᠡᠨᠬᠦ ᠬᠢᠯᠪᠠᠷ ᠪᠤᠰᠤ ᠶᠠᠪᠤᠳᠠᠯ ᠶᠤᠮ᠃ ᠡᠨᠡ ᠪᠤᠯ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶ᠎ᠠ ᠶᠢᠨ ᠪᠦᠬᠦ ᠲᠠᠯ᠎ᠠ ᠶᠢ | ᠡᠵᠡᠮᠳᠡᠵᠤ᠂ ᠵᠦᠪ ᠤᠨᠤᠪᠴᠢᠳᠠᠢ ᠤᠳᠤᠷᠢᠳᠤᠭᠰᠠᠨ ᠤ ᠦᠷ᠎ᠡ ᠳ᠋ᠦᠩ᠂ ᠠᠷᠠᠳ ᠤᠨ ᠳᠦᠯᠦᠬᠡᠯᠡᠭᠴᠢᠳ ᠤᠨ ᠶᠡᠭᠡ | ᠬᠤᠷᠠᠯ ᠤᠨ ᠲᠦᠯᠦᠭᠡᠯᠡᠭᠴᠢᠳ᠂ ᠤᠯᠤᠰ ᠲᠦᠷᠦ ᠶᠢᠨ ᠵᠦᠪᠯᠡᠯᠬᠡᠨ ᠤ ᠬᠡᠰᠢᠬᠦᠳ ᠤᠨ ᠬᠠᠤᠯᠢ ᠶᠤᠰᠤᠭᠠᠷ ᠬᠢᠨᠠᠯᠳᠠ | ᠲᠠᠯᠪᠢᠵᠤ᠂ ᠤᠬᠠᠭᠠᠨ ᠪᠤᠳᠤᠯᠭ᠎ᠠ ᠨᠡᠮᠡᠷᠢᠯᠡᠭᠰᠡᠨ ᠤ ᠦᠷ᠎ᠡ ᠳ᠋ᠦᠩ᠂ ᠪᠦᠬᠦ ᠬᠤᠰᠢᠭᠤᠨ ᠤ ᠺᠠᠳ᠋ᠷ ᠤᠯᠠᠨ ᠲᠦᠮᠡᠨ | ᠰᠡᠳᠬᠢᠯ ᠨᠢᠬᠡᠳᠦᠨ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠮᠦᠨ᠂ ᠮᠦᠨᠴᠦ ᠨᠡᠶᠢᠬᠡᠮ ᠤᠨ ᠡᠯ᠎ᠡ ᠡᠳᠡᠬᠡᠳ ᠤᠨ | ᠬᠢᠨ ᠠᠩᠬᠠᠷᠴᠤ ᠬᠠᠯᠠᠮᠵᠢᠯᠠᠨ᠂ ᠬᠦᠴᠦᠳᠡᠢ ᠲᠠᠮᠵᠢᠭ᠍ᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠤ᠂ ᠡᠯ᠎ᠡ ᠹᠷᠤᠨᠲ ᠲᠡᠭᠡᠷ᠎ᠡ ᠰᠢᠷᠭᠠᠭᠤ ᠠᠵᠢᠯᠯᠠᠵᠤ ᠪᠠᠶᠢᠭ᠎ᠠ ᠪᠦᠬᠦ | ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ ᠳᠤ᠂ ᠠᠯᠠᠱᠠ ᠵᠡᠬᠦᠨ ᠬᠤᠰᠢᠭᠤᠨ ᠤ ᠬᠦᠭᠵᠢᠯᠳᠡ ᠶᠢ | ᠬᠠᠯᠠᠮᠵᠢᠯᠠᠨ ᠲᠡᠮᠵᠢᠭᠰᠡᠨ ᠡᠯ᠎ᠡ ᠱᠠᠳᠤᠨ ᠤ ᠤᠳᠤᠷᠢᠳᠤᠯᠭ᠎ᠠ ᠪᠤᠯᠤᠨ ᠨᠡᠶᠢᠬᠡᠮ ᠤᠨ ᠡᠯ᠎ᠡ ᠡᠳᠡᠬᠡᠳ ᠤᠨ ᠨᠠᠶᠢᠵᠠ ᠨᠠᠷ | ᠲᠤ ᠴᠢᠩ ᠰᠡᠳᠬᠢᠯ ᠤᠨ ᠳᠠᠯᠠᠷᠬᠠᠯ ᠪᠤᠯᠤᠨ ᠡᠷᠬᠢᠮ ᠲᠡᠭᠡᠳᠦ ᠮᠡᠨᠳᠦᠴᠢᠯᠡᠯ ᠢᠶᠠᠨ ᠲᠡᠪᠰᠢᠬᠦᠯᠦᠶ᠎ᠡ︕ | ᠠᠮᠵᠢᠯᠳᠠ ᠪᠦᠳᠦᠮᠵᠢ ᠪᠠᠨ ᠤᠯᠵᠤ ᠬᠠᠷᠠᠬᠤ ᠶᠢᠨ ᠬᠠᠮᠲᠤ᠂ ᠬᠦᠭᠵᠢᠯᠳᠡ ᠶᠢᠨ ᠲᠤᠮᠳᠠ ᠪᠠᠰᠠ ᠨᠢᠭᠡ ᠬᠡᠰᠡᠭ | ᠬᠦᠴᠢᠷᠳᠡᠯ ᠪᠠ ᠠᠰᠠᠭᠤᠳᠠᠯ ᠤᠷᠤᠰᠢᠵᠤ ᠪᠠᠶᠢᠬᠤ ᠶᠢ ᠪᠢᠳᠠ ᠡᠷᠬᠡᠪᠰᠢ ᠰᠡᠷᠭᠡᠭ ᠢᠶᠠᠷ ᠤᠯᠵᠤ ᠳᠠᠨᠢᠬᠤ ᠬᠡᠷᠡᠭᠲᠠᠢ᠃ | ᠭᠤᠤᠯᠳᠠᠭᠤ᠄ ᠠᠵᠤ ᠠᠬᠤᠢ ᠶᠢᠨ ᠶᠡᠷᠦᠩᠬᠡᠢ ᠬᠡᠮᠵᠢᠶ᠎ᠡ ᠪᠠᠭ᠎ᠠ᠂ ᠭᠠᠵᠠᠷ ᠤᠷᠤᠨ ᠤ ᠬᠡᠷᠡᠭᠯᠡᠵᠤ ᠪᠤᠯᠬᠤ ᠡᠳ᠋ ᠤᠨ | ᠬᠦᠴᠦᠨ ᠬᠦᠷᠦᠯᠴᠡᠬᠦ ᠦᠬᠡᠢ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ᠂ ᠡᠳ᠋ ᠤᠨ | ᠬᠦᠴᠦᠨ ᠢᠶᠠᠨ ᠲᠦᠪᠯᠡᠷᠡᠬᠦᠯᠦᠨ ᠶᠡᠭᠡ ᠤᠴᠢᠷ ᠪᠦᠳᠦᠬᠡᠬᠦ ᠴᠢᠳᠠᠪᠤᠷᠢ ᠪᠠᠭᠤᠷᠠᠢ︔ ᠠᠵᠤ ᠦᠢᠯᠡᠰ ᠤᠨ ᠪᠦᠳᠦᠴᠡ | ᠬᠠᠷᠢᠴᠠᠩᠭᠤᠢ ᠪᠠᠷ ᠲᠠᠩ ᠴᠤᠯᠭᠤᠢ᠂ ᠬᠦᠭᠵᠢᠯᠳᠡ ᠶᠢᠨ ᠬᠡᠯᠪᠡᠷᠢ ᠨᠡᠯᠢᠶᠡᠳ ᠪᠦᠳᠦᠬᠦᠯᠢᠭ ᠬᠤᠴᠤᠷᠤᠩᠭᠤᠢ᠂ ᠤᠯᠠᠨ | ᠲᠠᠯ᠎ᠠ ᠠᠴᠠ ᠲᠤᠯᠭᠠᠭᠤᠷᠢᠯᠠᠭᠰᠠᠨ᠂ ᠤᠯᠠᠨ ᠡᠰᠢᠵᠢᠨ ᠬᠦᠭᠵᠢᠬᠦ ᠪᠠᠶᠢᠳᠠᠯ ᠬᠠᠷᠠᠬᠠᠨ ᠲᠦᠯᠦᠪᠰᠢᠷᠡᠭᠡ ᠦᠬᠡᠢ︔ | ᠬᠤᠳᠠ ᠪᠠᠯᠭᠠᠰᠤᠵᠢᠯᠳᠠ ᠶᠢᠨ ᠴᠢᠨᠠᠷ ᠴᠢᠨᠰᠠᠭ᠎ᠠ ᠨᠡᠯᠢᠶᠡᠳ ᠲᠤᠤᠷ᠎ᠠ᠂ ᠬᠤᠳᠠ ᠬᠦᠳᠡᠭᠡ ᠶᠢᠨ ᠦᠨᠳᠦᠰᠦᠨ ᠤᠯᠠᠨ | ᠨᠡᠶᠢᠳᠡ ᠶᠢᠨ ᠦᠢᠯᠡᠴᠢᠯᠡᠭᠡ ᠶᠢ ᠳᠡᠩᠴᠡᠬᠦᠷᠢᠳᠡᠢ ᠬᠦᠭᠵᠢᠬᠦᠯᠬᠦ ᠪᠠ ᠬᠤᠳᠠ ᠶᠢᠨ ᠨᠠᠷᠢᠯᠢᠭ ᠬᠠᠮᠢᠶᠠᠷᠤᠯᠳᠠ ᠪᠠᠨ | ᠮᠦᠨ ᠬᠦ ᠶᠡᠬᠡᠪᠡᠷ ᠴᠢᠩᠭᠠᠳᠬᠠᠬᠤ ᠴᠢᠬᠤᠯᠠᠳᠠᠢ︔ ᠳᠠᠷᠢᠶᠠᠯᠠᠩ ᠮᠠᠯ ᠠᠵᠤ ᠠᠬᠤᠢ ᠶᠢ ᠠᠵᠤ ᠦᠢᠯᠡᠰᠵᠢᠬᠦᠯᠦᠨ | ᠬᠦᠭᠵᠢᠬᠦᠯᠬᠦ ᠳᠠᠭᠠᠭᠤᠯᠤᠭᠴᠢ ᠠᠵᠤ ᠠᠬᠤᠶᠢᠯᠠᠯ ᠴᠦᠬᠡᠨ᠂ ᠮᠠᠯᠴᠢᠨ ᠲᠠᠷᠢᠶᠠᠴᠢᠨ ᠤ ᠤᠷᠤᠯᠭ᠎ᠠ ᠶᠢ ᠦᠷᠬᠦᠯᠵᠢᠯᠡᠨ | ᠨᠡᠮᠡᠭᠳᠡᠬᠦᠯᠬᠦ ᠳᠤ ᠬᠦᠴᠢᠷᠳᠡᠢ︔ ᠨᠡᠶᠢᠬᠡᠮ ᠤᠨ ᠵᠠᠰᠠᠯᠳᠠ ᠪᠤᠯᠤᠨ ᠰᠢᠨ᠎ᠡ ᠶᠢ ᠡᠬᠦᠳᠦᠨ ᠤᠷᠤᠭᠰᠢᠯᠠᠭᠤᠯᠬᠤ ᠡᠬᠦᠷᠬᠡ | ᠪᠠᠰᠠ ᠯᠠ ᠬᠦᠨᠳᠤ ᠬᠦᠴᠢᠷ ᠪᠠᠶᠢᠭᠰᠠᠭᠠᠷ︔ ᠠᠶᠤᠯᠬᠦᠢ ᠦᠢᠯᠡᠳᠪᠦᠷᠢᠯᠡᠯ᠂ ᠤᠷᠴᠢᠨ ᠲᠤᠭᠤᠷᠢᠨ ᠢ ᠬᠠᠮᠠᠭᠠᠯᠠᠬᠤ᠂ | ᠡᠨᠧᠷᠬᠢ ᠠᠷᠪᠢᠯᠠᠵᠤ ᠪᠤᠬᠢᠷᠳᠤᠯ ᠢ ᠪᠠᠭᠠᠰᠬᠠᠬᠤ ᠳᠠᠷᠤᠭᠠᠰᠤ ᠨᠡᠮᠡᠭᠳᠡᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ | ᠡᠷᠬᠡᠪᠰᠢ ᠲᠡᠭᠡᠳᠤ ᠬᠡᠮᠵᠢᠶ᠎ᠡ ᠪᠠᠷ ᠬᠦᠨᠳᠦᠳᠭᠡᠨ ᠦᠵᠡᠵᠦ᠂ ᠬᠤᠵᠢᠮ ᠤᠨ ᠠᠵᠢᠯ ᠤᠨ ᠲᠤᠮᠳᠠ ᠨᠠᠷᠢᠨ ᠬᠢᠨᠠᠮᠠᠭᠠᠢ | ᠰᠢᠢᠳᠪᠦᠷᠢᠯᠡᠬᠦ ᠬᠡᠷᠡᠭᠳᠡᠢ᠃ | ᠬᠤᠶᠠᠷ᠂ 2014 ᠤᠨ ᠤ ᠭᠤᠤᠯ ᠠᠵᠢᠯ ᠤᠨ ᠪᠠᠶᠢᠷᠢᠯᠠᠭᠤᠯᠤᠯᠳᠠ | 2014 ᠤᠨ ᠪᠤᠯ ᠨᠠᠮ ᠣᠨᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠬᠡᠶᠢᠷᠡᠬᠦᠯᠬᠦ ᠠᠩᠬᠠᠨ ᠤ ᠤᠨ᠂ ᠮᠦᠨᠴᠦ 《 ᠠᠷᠪᠠᠨ ᠬᠤᠶᠠᠳᠤᠭᠠᠷ ᠳᠠᠪᠤᠨ ᠵᠢᠯ 》 ᠤᠨ | ᠳᠦᠯᠦᠪᠵᠢᠬᠦᠯᠬᠡ ᠶᠢ ᠪᠡᠶᠡᠯᠡᠬᠦᠯᠬᠦ ᠴᠢᠬᠤᠯᠠ ᠨᠢᠬᠡ ᠵᠢᠯ᠂ ᠨᠡᠩ ᠴᠤ ᠴᠢᠨᠡᠬᠡᠯᠢᠭ ᠨᠡᠶᠢᠬᠡᠮ ᠢ ᠤᠷᠢᠳᠴᠢᠯᠠᠨ ᠪᠦᠬᠦ | ᠲᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠬᠤ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠲᠤᠬᠢᠶᠠᠯ | ᠬᠢᠬᠡᠳ ᠦᠷᠢᠰᠦᠯᠳᠦᠬᠡᠨ ᠵᠡᠷᠬᠡᠪᠡᠷ ᠤᠷᠤᠰᠢᠵᠤ᠂ ᠬᠦᠴᠢᠷᠳᠡᠯ ᠪᠠ ᠬᠦᠰᠡᠯ ᠡᠷᠡᠮᠡᠯᠵᠡᠯ ᠬᠠᠮᠳᠤ ᠤᠷᠤᠰᠢᠨ᠎ᠠ᠃ ᠪᠢᠳᠡ | ᠡᠷᠬᠡᠪᠰᠢ ᠪᠠᠶᠢᠳᠠᠯ ᠡᠬᠦᠷᠬᠡ ᠪᠠᠨ ᠵᠦᠪ ᠤᠨᠤᠪᠴᠢᠳᠠᠢ ᠰᠤᠳᠤᠯᠤᠨ ᠮᠠᠭᠠᠳᠯᠠᠵᠤ᠂ ᠨᠡᠩ ᠬᠦᠴᠦᠳᠡᠢ ᠠᠷᠭ᠎ᠠ ᠬᠡᠮᠵᠢᠶ᠎ᠡ | ᠠᠪᠴᠤ᠂ ᠬᠦᠴᠢᠷᠳᠡᠯ ᠪᠤᠯᠤᠨ ᠦᠷᠢᠰᠦᠯᠳᠦᠬᠡᠨ ᠢ ᠢᠳᠡᠪᠬᠢᠳᠡᠢ ᠠᠷᠭᠠᠴᠠᠭᠠᠨ᠂ ᠠᠵᠢᠯ ᠤᠨ ᠰᠠᠨᠠᠭᠠᠴᠢᠯᠠᠭᠠᠳᠤ | ᠡᠷᠬᠡ ᠶᠢ ᠴᠢᠩᠭ᠎ᠠ ᠡᠵᠡᠮᠳᠡᠵᠦ᠂ ᠢᠳᠡᠬᠡᠯ ᠵᠤᠷᠢᠭ ᠢᠶᠠᠨ ᠬᠦᠪᠴᠢᠯᠡᠨ᠂ ᠳᠤᠬᠢᠶᠠᠯ ᠢ ᠴᠢᠩᠭ᠎ᠠ ᠠᠳᠬᠤᠵᠤ᠂ | ᠨᠡᠬᠡᠬᠡᠯᠳᠡ ᠲᠠᠢ ᠪᠠᠷ ᠰᠢᠨ᠎ᠡ ᠶᠢ ᠡᠬᠦᠳᠦᠨ᠂ ᠪᠤᠳᠠᠳᠠᠢ ᠶᠢ ᠡᠷᠬᠢᠮᠯᠡᠨ ᠵᠢᠳᠬᠦᠨ ᠤᠷᠤᠭᠰᠢᠯᠠᠵᠤ᠂ ᠲᠤᠭᠳᠠᠭᠤᠨ | ᠪᠦᠬᠡᠳ ᠨᠡᠯᠢᠶᠡᠳ ᠲᠦᠷᠬᠡᠨ ᠬᠦᠭᠵᠢᠯᠳᠡ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠳ᠋ᠧᠩ ᠰᠢᠶᠤᠤ ᠫᠢᠩ ᠤᠨ | ᠤᠨᠤᠯ᠂ 《 ᠭᠤᠷᠪᠠ ᠶᠢ ᠲᠦᠯᠦᠬᠡᠯᠡᠬᠦ 》 ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ | ᠠᠷᠪᠠᠨ ᠨᠠᠢᠮᠠᠳᠤᠭᠠᠷ ᠬᠤᠭᠤᠴᠠᠭᠠᠨ ᠤ ᠬᠤᠷᠪᠠᠳᠤᠭᠠᠷ ᠪᠦᠬᠦᠳᠡ ᠬᠤᠷᠠᠯ ᠪᠠ ᠰᠢ ᠶᠢᠨ ᠫᠢᠩ ᠶᠡᠷᠦᠩᠬᠡᠢ ᠱᠦᠵᠢ ᠶᠢᠨ | ᠰᠢᠷᠢᠰ ᠶᠠᠷᠢᠶ᠎ᠠ᠂ ᠤᠨᠴᠠᠭᠠᠶᠢᠯᠠᠨ ᠦᠪᠦᠷ ᠮᠤᠩᠭᠤᠯ ᠢ ᠪᠠᠶᠢᠴᠠᠭᠠᠨ ᠦᠵᠡᠬᠦ ᠬᠤᠭᠤᠴᠠᠭᠠᠨ ᠳᠠᠬᠢ ᠶᠠᠷᠢᠶᠠᠨ ᠤ ᠵᠤᠷᠢᠭ | ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ 《 ᠬᠤᠶᠠᠷ ᠬᠤᠷᠠᠯ》᠂ | ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ᠂ | ᠦᠪᠡᠷᠳᠡᠬᠡᠨ ᠵᠠᠰᠠᠬᠤ ᠤᠷᠤᠨ ᠤ 《8337》 ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠬᠡᠷᠡᠭᠵᠢᠬᠦᠯᠦᠨ᠂ | ᠲᠤᠭᠳᠠᠭᠤᠨ ᠤ ᠲᠤᠮᠳᠠ ᠴᠢᠷᠮᠠᠶᠢᠨ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠲᠤᠪᠤᠶᠢᠯᠭᠠᠵᠤ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ | ᠤᠳᠤᠬᠢᠴᠢᠯᠠᠯᠳᠠ ᠶᠢ ᠨᠢᠬᠡᠳᠦᠯᠳᠡᠢ ᠳᠦᠯᠦᠪᠵᠢᠬᠦᠯᠦᠨ ᠲᠦᠯᠬᠢᠨ ᠠᠬᠢᠭᠤᠯᠵᠤ᠂ ᠦᠬᠡᠷᠡᠴᠢᠯᠡᠯᠳᠡ ᠬᠢᠵᠦ ᠰᠢᠨ᠎ᠡ ᠶᠢ | ᠡᠬᠦᠳᠬᠦ ᠶᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠬᠦᠷᠢᠶ᠎ᠡ ᠡᠯ᠎ᠡ ᠳᠠᠯ᠎ᠠ ᠳᠤ ᠨᠠᠶᠢᠳᠠᠪᠤᠷᠢᠵᠢᠭᠤᠯᠤᠨ᠂ | ᠵᠠᠬ᠎ᠠ ᠲᠡᠯᠬᠡᠬᠦᠷ ᠤᠨ ᠢᠳᠡᠪᠬᠢ ᠬᠦᠴᠦᠨ ᠢ ᠤᠷᠮᠠᠰᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠴᠢᠨᠠᠷ | ᠴᠢᠨᠰᠠᠭ᠎ᠠ ᠪᠤᠯᠤᠨ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠬᠦᠯᠦᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ | ᠪᠤᠯᠤᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠠᠵᠤ ᠠᠬᠤᠢ ᠨᠡᠶᠢᠬᠡᠮ ᠤᠨ ᠦᠷᠬᠦᠯᠵᠢᠯᠡᠨ | ᠡᠷᠡᠬᠦᠯ ᠢᠶᠠᠷ ᠬᠦᠭᠵᠢᠬᠦ ᠪᠠ ᠨᠡᠶᠢᠬᠡᠮ ᠤᠨ ᠡᠶ᠎ᠡ ᠵᠤᠬᠢᠴᠠᠩᠭᠤᠢ ᠠᠮᠤᠷ ᠳᠤᠭᠳᠠᠭᠤᠨ ᠢ ᠳᠦᠯᠬᠢᠨ ᠠᠬᠢᠭᠤᠯᠤᠨ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠢ 10% ᠪᠠᠷ ᠨᠡᠮᠡᠭᠳᠡᠬᠦᠯᠵᠤ᠂ ᠪᠦᠬᠦ ᠨᠡᠶᠢᠬᠡᠮ ᠤᠨ ᠲᠤᠭᠳᠠᠮᠠᠯ | ᠬᠦᠷᠦᠩᠬᠡ ᠶᠢᠨ ᠤᠷᠤᠭᠤᠯᠤᠯᠳᠠ ᠶᠢ 25% ᠪᠠᠷ ᠨᠡᠮᠡᠭᠳᠡᠬᠦᠯᠦᠨ᠂ ᠡᠳ᠋ ᠤᠨ ᠵᠠᠰᠠᠭ ᠤᠨ ᠤᠷᠤᠯᠭ᠎ᠠ ᠶᠢ 8% ᠪᠠᠷ | ᠨᠡᠮᠡᠭᠳᠡᠬᠦᠯᠵᠤ ︵ᠨᠡᠶᠢᠳᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠤᠷᠤᠯᠭ᠎ᠠ ᠶᠢ —17.6% ᠪᠠᠷ | ᠨᠡᠮᠡᠭᠳᠡᠬᠦᠯᠦᠨ᠎ᠡ︶ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ 10 % ᠪᠠᠷ | ᠨᠡᠮᠡᠭᠳᠡᠬᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠪᠠ ᠮᠠᠯᠴᠢᠨ | ᠲᠠᠷᠢᠶᠠᠴᠢᠨ ᠤ ᠬᠦᠮᠦᠨ ᠪᠦᠷᠢ ᠳᠤ ᠲᠡᠭᠰᠢᠳᠭᠡᠭᠰᠡᠨ ᠴᠡᠪᠡᠷ ᠤᠷᠤᠯᠭ᠎ᠠ ᠶᠢ 10 % ᠪᠠ 12% ᠪᠠᠷ | ᠨᠡᠮᠡᠭᠳᠡᠬᠦᠯᠦᠨ᠎ᠡ︔ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠳᠠᠢ ᠵᠢᠭᠠᠯᠳᠠ ᠲᠤᠭ᠎ᠠ ᠶᠢ ᠲᠡᠭᠡᠷ᠎ᠡ ᠱᠠᠳᠤᠨ ᠠᠴᠠ | ᠱᠠᠭᠠᠷᠳᠠᠭᠰᠠᠨ ᠬᠡᠪᠴᠢᠶᠡᠨ ᠳᠤᠳᠤᠷ᠎ᠠ ᠬᠢᠵᠠᠭᠠᠷᠯᠠᠨ᠎ᠠ᠃ | ᠲᠡᠭᠡᠷ᠎ᠡ ᠲᠤᠷᠠᠳᠤᠭᠰᠠᠨ ᠬᠠᠷᠠᠯᠳᠠ ᠡᠬᠦᠷᠬᠡ ᠪᠠᠨ ᠪᠡᠶᠡᠯᠡᠬᠦᠯᠬᠦ ᠳᠤ᠂ ᠪᠢᠳᠡ ᠡᠷᠬᠡᠪᠰᠢ ᠲᠤᠤᠷᠠᠬᠢ ᠲᠤᠯᠤᠭᠠᠨ | ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠡᠢ᠄ | ︵ᠨᠢᠬᠡ︶ ᠪᠡᠯᠡ ᠤᠷᠤᠭᠤᠯᠤᠯᠳᠠ ᠪᠤᠯᠤᠨ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ ᠳᠤᠪᠤᠶᠢᠯᠭᠠᠵᠤ᠂ | ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠬᠤᠶᠢᠴᠢ ᠬᠦᠴᠦᠨ ᠢ ᠨᠡᠮᠡᠭᠳᠡᠬᠦᠯᠦᠨ᠎ᠡ᠃ | ᠪᠡᠯᠡ ᠤᠷᠤᠭᠤᠯᠤᠯᠳᠠ ᠪᠠᠷ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠵᠠᠩᠬᠢᠯᠠᠭ᠎ᠠ ᠶᠢᠨ ᠦᠢᠯᠡᠳᠦᠯ ᠢ | ᠬᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠠᠵᠤ ᠦᠢᠯᠡᠰ ᠤᠨ ᠪᠦᠳᠦᠴᠡ | ᠶᠢ ᠳᠤᠬᠢᠷᠠᠭᠤᠯᠬᠤ᠂ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠨᠡᠶᠢᠬᠡᠮ ᠤᠨ ᠬᠦᠭᠵᠢᠯᠳᠡ | ᠶᠢ ᠠᠬᠢᠭᠤᠯᠬᠤ ᠴᠢᠬᠤᠯᠠ ᠠᠷᠭ᠎ᠠ ᠵᠠᠮ ᠪᠤᠯᠭᠠᠨ᠂ ᠠᠵᠤ ᠠᠬᠤᠢ ᠶᠢᠨ ᠬᠦᠭᠵᠢᠯᠳᠡ ᠶᠢᠨ ᠳᠤᠳᠤᠭᠠᠳᠤ ᠬᠦᠳᠡᠯᠬᠡᠭᠴᠢ | ᠬᠦᠴᠦᠨ ᠢ ᠦᠨᠡᠨᠬᠦ ᠴᠢᠩᠭᠠᠳᠬᠠᠨ᠎ᠠ᠃ | ᠲᠦᠷᠦᠯ ᠵᠦᠢᠯ ᠢ ᠲᠦᠯᠬᠢᠨ ᠠᠬᠢᠭᠤᠯᠬᠤ ᠠᠵᠢᠯ ᠤᠨ ᠡᠷᠴᠢᠮ ᠢᠶᠠᠨ ᠴᠢᠩᠭᠠᠳᠬᠠᠨ᠎ᠠ᠃ ᠡᠨᠡ ᠵᠢᠯ 74 | ᠭᠤᠤᠯᠳᠠᠯᠭ᠎ᠠ ᠲᠠᠢ ᠲᠦᠷᠦᠯ ᠵᠤᠶᠢᠯ ᠢ ᠲᠦᠯᠦᠪᠯᠡᠨ ᠬᠡᠷᠡᠭᠵᠢᠬᠦᠯᠵᠦ᠂ ᠨᠡᠶᠢᠳᠡ 837 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠨ᠎ᠠ᠃ ᠡᠬᠦᠨ ᠤ ᠳᠤᠳᠤᠷ᠎ᠠ ᠠᠶᠢᠮᠠᠭ ᠤᠨ ᠳᠡᠰ ᠤᠨ ᠭᠤᠤᠯᠳᠠᠯᠭ᠎ᠠ ᠲᠠᠢ ᠳᠦᠷᠦᠯ ᠵᠦᠢᠯ 39᠂ | ᠳ᠋ᠦᠩᠰᠢᠭᠤᠷ ᠳᠦᠬᠦᠷᠢᠭ ᠠᠴᠠ ᠳᠡᠬᠡᠭᠰᠢ ᠪᠡᠯᠡ ᠤᠷᠤᠭᠤᠯᠬᠤ ᠳᠦᠷᠦᠯ ᠵᠦᠢᠯ 48 ᠪᠠᠶᠢᠵᠤ᠂ 2014 ᠤᠨ ᠳᠤ | 187 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠳᠦᠯᠦᠪᠯᠡᠵᠤ ᠪᠠᠶᠢᠨ᠎ᠠ᠃ ᠪᠦᠬᠦ ᠶᠠᠪᠤᠴᠠ ᠶᠢ ᠮᠦᠷᠳᠡᠨ | ᠦᠢᠯᠡᠴᠢᠯᠡᠬᠦ᠂ ᠰᠠᠯᠠᠭ᠎ᠠ ᠮᠦᠴᠢᠷ ᠬᠤᠯᠪᠤᠯᠳᠤᠨ ᠬᠦᠳᠡᠯᠬᠦ᠂ ᠡᠬᠦᠷᠬᠡ ᠶᠢ ᠳᠤᠳᠤᠷᠬᠠᠶᠢᠯᠠᠬᠤ᠂ ᠬᠠᠷᠢᠭᠤᠴᠠᠯᠭ᠎ᠠ ᠶᠢ | ᠪᠤᠳᠠᠳᠠᠢ ᠬᠦᠮᠦᠨ ᠳᠤ ᠨᠠᠶᠢᠳᠠᠪᠤᠷᠢᠵᠢᠭᠤᠯᠬᠤ ᠳᠦᠷᠦᠯ ᠵᠦᠢᠯ ᠤᠨ ᠠᠵᠢᠯ ᠤᠨ ᠳᠤᠭᠳᠠᠴᠠ ᠶᠢ ᠪᠠᠶᠢᠭᠤᠯᠵᠤ᠂ ᠰᠢᠨ᠎ᠡ | ᠳᠦᠷᠦᠯ ᠵᠦᠢᠯ ᠤᠨ ᠠᠵᠢᠯ ᠡᠬᠢᠯᠡᠬᠦ ᠪᠠ ᠪᠠᠶᠢᠭᠤᠯᠵᠤ ᠪᠠᠶᠢᠭ᠎ᠠ ᠳᠦᠷᠦᠯ ᠵᠦᠢᠯ ᠤᠨ ᠠᠬᠢᠴᠠ ᠶᠢ ᠪᠦᠬᠦ ᠬᠦᠴᠦᠨ | ᠢᠶᠠᠷ ᠰᠠᠶᠢᠳᠤᠷ ᠠᠳᠬᠤᠨ᠂ ᠭᠤᠤᠯᠳᠠᠯᠭ᠎ᠠ ᠲᠠᠢ ᠲᠦᠷᠦᠯ ᠵᠤᠶᠢᠯ ᠤᠨ ᠤᠷᠤᠭᠰᠢᠳᠠᠢ ᠬᠡᠷᠡᠭᠵᠢᠬᠦᠯᠦᠭᠳᠡᠬᠦ ᠶᠢ | ᠪᠠᠳᠤᠯᠠᠨ᠎ᠠ᠃ ᠤᠯᠤᠰ ᠤᠨ ᠬᠤᠷᠸ᠎ᠠ ᠠᠵᠤ ᠠᠬᠤᠢ ᠶᠢᠨ ᠳᠦᠷᠦ ᠶᠢᠨ ᠪᠤᠳᠤᠯᠭ᠎ᠠ ᠶᠢᠨ ᠬᠠᠨᠳᠤᠰᠢ ᠶᠢ ᠤᠨᠤᠪᠴᠢᠳᠠᠢ | ᠠᠳᠬᠤᠵᠤ᠂ ᠪᠦᠬᠦ ᠬᠤᠰᠢᠭᠤᠨ ᠤ ᠬᠦᠭᠵᠢᠯᠳᠡ ᠶᠢᠨ ᠭᠤᠤᠯᠳᠠᠯᠭ᠎ᠠ ᠲᠠᠢ ᠬᠦᠷᠢᠶ᠎ᠡ ᠴᠡᠷ᠎ᠡ ᠪᠤᠯᠤᠨ ᠭᠤᠤᠯᠳᠠᠯᠭ᠎ᠠ | ᠲᠠᠢ ᠠᠵᠢᠯ ᠲᠦᠷᠦᠯ ᠤᠨ ᠲᠤᠭᠤᠷᠢᠨ ᠳᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠡᠩ ᠤᠯᠠᠨ | ᠳᠦᠷᠦᠯ ᠵᠦᠢᠯ ᠤᠨ ᠴᠤᠬᠤᠯᠪᠤᠷᠢᠯᠠᠯ ᠪᠠ ᠪᠡᠯᠡ ᠮᠦᠩᠬᠦᠨ ᠤ ᠤᠷᠤᠭᠤᠯᠤᠯᠳᠠ ᠶᠢ ᠴᠢᠷᠮᠠᠶᠢᠨ ᠤᠯᠤᠨ᠎ᠠ᠃ | ᠲᠦᠷᠦᠯ ᠵᠤᠶᠢᠯ ᠤᠨ ᠬᠦᠮᠦᠷᠬᠡ ᠶᠢᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ | ᠲᠦᠷᠦᠯ ᠵᠤᠶᠢᠯ ᠤᠨ ᠪᠤᠯᠤᠮᠵᠢᠳᠤ ᠴᠢᠨᠠᠷ ᠤᠨ ᠰᠤᠳᠤᠯᠤᠯᠳᠠ᠂ ᠤᠷᠴᠢᠨ ᠳᠤᠭᠤᠷᠢᠨ ᠤ ᠦᠨᠡᠯᠡᠯᠳᠡ ᠵᠡᠷᠬᠡ | ᠡᠮᠦᠨᠡᠬᠢ ᠬᠤᠭᠤᠴᠠᠭᠠᠨ ᠤ ᠠᠵᠢᠯ ᠢ ᠬᠢᠨᠠᠮᠠᠭᠠᠢ ᠰᠠᠶᠢᠳᠤᠷ ᠬᠢᠵᠤ᠂ ᠳᠦᠷᠦᠯ ᠵᠦᠢᠯ ᠢ ᠮᠡᠳᠡᠬᠦᠯᠬᠦ ᠪᠠ ᠬᠡᠷᠡᠭᠵᠢᠬᠦᠯᠬᠦ | ᠳᠤ ᠰᠠᠶᠢᠨ ᠰᠠᠭᠤᠷᠢ ᠶᠢ ᠳᠠᠯᠪᠢᠨ᠎ᠠ᠃ ᠳᠦᠷᠦᠯ ᠵᠦᠢᠯ ᠳᠤ ᠵᠤᠬᠢᠴᠠᠭᠤᠯᠤᠨ ᠦᠢᠯᠡᠴᠢᠯᠡᠬᠦ ᠠᠵᠢᠯ ᠢᠶᠠᠨ | ᠴᠢᠩᠭᠠᠳᠬᠠᠵᠤ᠂ ᠲᠦᠷᠦᠯ ᠵᠦᠢᠯ ᠨᠠᠶᠢᠳᠠᠪᠤᠷᠢᠵᠢᠬᠤ ᠳᠤ ᠬᠦᠴᠢᠷ᠂ ᠠᠬᠢᠭᠤᠯᠤᠯᠳᠠ ᠨᠢ ᠤᠳᠠᠭᠠᠨ ᠵᠡᠷᠬᠡ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠢᠬᠡ ᠪᠦᠯᠦᠭ ᠢ ᠬᠦᠮᠦᠷᠬᠡᠯᠡᠵᠦ᠂ ᠨᠢᠬᠡ ᠪᠦᠯᠦᠭ ᠢ ᠠᠵᠢᠯ ᠡᠬᠢᠯᠡᠬᠦᠯᠵᠦ | ᠂ ᠨᠢᠬᠡ ᠪᠦᠯᠦᠭ ᠢ ᠪᠠᠶᠢᠭᠤᠯᠵᠤ ᠳᠠᠭᠤᠰᠬᠠᠬᠤ ᠰᠠᠶᠢᠨ ᠰᠠᠶᠢᠬᠠᠨ ᠬᠦᠭᠵᠢᠯᠳᠡ ᠶᠢᠨ ᠳᠤᠭᠳᠠᠴᠠ ᠶᠢ | ᠪᠦᠷᠢᠯᠳᠦᠬᠦᠯᠦᠨ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠡᠷᠴᠢᠮ ᠦᠷᠬᠦᠯᠵᠢᠯᠡᠨ ᠨᠡᠯᠢᠶᠡᠳ | ᠦᠨᠳᠦᠷ ᠲᠦᠪᠰᠢᠨ ᠳᠤ ᠪᠠᠶᠢᠬᠤ ᠶᠢ ᠪᠠᠳᠤᠯᠠᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠬᠦᠴᠦ ᠳᠠᠯᠪᠢᠨ ᠠᠳᠬᠤᠨ᠎ᠠ᠃ ᠵᠦᠵᠢᠶᠠᠩ ᠮᠦᠷᠡᠨ ᠤ | ᠭᠤᠷᠪᠠᠯᠵᠢᠨ ᠬᠤᠶᠢᠭ᠂ ᠬᠦᠬᠡ ᠮᠦᠷᠡᠨ ᠤ ᠭᠤᠷᠪᠠᠯᠵᠢᠨ ᠬᠤᠶᠢᠭ᠂ ᠪᠦᠸᠧᠬᠠᠢ ᠳᠠᠩᠬᠢᠰ ᠤᠨ ᠳᠤᠭᠤᠷᠢᠨ ᠵᠡᠷᠬᠡ | ᠭᠠᠵᠠᠷ ᠣᠷᠣᠨ ᠤ ᠠᠵᠤ ᠦᠢᠯᠡᠰ ᠤᠨ ᠰᠢᠯᠵᠢᠯᠳᠡ ᠶᠢ ᠢᠳᠡᠪᠬᠢᠳᠡᠢ ᠵᠠᠯᠭᠠᠨ ᠠᠪᠴᠤ᠂ ᠳᠤᠮᠤ ᠪᠦᠯᠦᠭᠯᠡᠯ᠂ | ᠳᠤᠮᠤ ᠠᠵᠤ ᠠᠬᠤᠶᠢᠯᠠᠯ ᠤᠨ ᠬᠦᠭᠵᠢᠯᠳᠡ ᠶᠢᠨ ᠳᠦᠯᠦᠪᠵᠢᠬᠦᠯᠬᠡ ᠶᠢ ᠰᠠᠶᠢᠳᠤᠷ ᠠᠩᠬᠠᠷᠴᠤ᠂ ᠤᠳᠤᠬᠢᠴᠢᠯᠠᠭᠰᠠᠨ | ᠨᠡᠬᠦᠷᠡᠰᠤ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠬᠢ᠂ ᠤᠳᠤᠬᠢᠴᠢᠯᠠᠭᠰᠠᠨ ᠳᠤᠨᠤᠭᠯᠠᠯ ᠦᠢᠯᠡᠳᠬᠦ᠂ ᠮᠠᠯ | ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠰᠤᠶᠤᠯ ᠵᠢᠭᠤᠯᠴᠢᠯᠠᠯ᠂ | ᠪᠣᠳᠠᠰ ᠤᠨ ᠬᠦᠢᠯᠬᠡᠬᠡ ᠵᠡᠷᠬᠡ ᠠᠵᠤ ᠦᠢᠯᠡᠰ ᠤᠨ ᠳᠤᠭᠤᠷᠢᠨ ᠳᠤ ᠠᠷᠠᠯᠵᠢᠶᠠᠴᠢᠨ ᠤᠷᠢᠬᠤ ᠠᠵᠢᠯ ᠢ | ᠦᠷᠨᠢᠬᠦᠯᠦᠨ᠎ᠡ᠃ ᠬᠡᠯᠬᠢᠶ᠎ᠡ ᠶᠢ ᠤᠷᠳᠤᠳᠬᠠᠬᠤ᠂ ᠬᠡᠯᠬᠢᠶ᠎ᠡ ᠶᠢ ᠨᠦᠬᠦᠪᠦᠷᠢᠯᠡᠬᠦ ᠬᠤᠯᠪᠤᠭᠳᠠᠨ ᠳᠦᠬᠦᠷᠵᠢᠬᠦ ᠳᠦᠷᠦᠯ | ᠵᠦᠢᠯ ᠢ ᠬᠦᠴᠦ ᠳᠠᠯᠪᠢᠨ ᠤᠷᠢᠨ ᠤᠷᠤᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠵᠤ᠂ | ᠡᠷᠬᠢᠯᠳᠡᠳᠤ ᠠᠵᠤ ᠠᠬᠤᠢ ᠶᠢ ᠬᠦᠭᠵᠢᠬᠦᠯᠦᠨ᠂ ᠠᠵᠤ ᠦᠢᠯᠡᠰ ᠤᠨ ᠪᠦᠳᠦᠴᠡ ᠶᠢᠨ ᠰᠢᠯᠢᠳᠡᠭᠵᠢᠨ ᠳᠡᠰ ᠳᠡᠪᠰᠢᠬᠦ | ᠶᠢ ᠠᠬᠢᠭᠤᠯᠤᠨ᠎ᠠ᠃ ᠨᠡᠶᠢᠬᠡᠮ ᠤᠨ ᠪᠡᠯᠡ ᠮᠦᠩᠬᠦ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡ ᠶᠢ | ᠬᠦᠭᠵᠢᠬᠦᠯᠬᠦ᠂ ᠨᠡᠶᠢᠳᠡ ᠶᠢᠨ ᠠᠰᠢᠭᠳᠤ ᠴᠢᠨᠠᠷᠳᠠᠢ ᠪᠠ ᠨᠡᠶᠢᠳᠡ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠳᠤ ᠤᠷᠤᠯᠴᠠᠬᠤ ᠶᠢ ᠵᠤᠷᠢᠭᠵᠢᠭᠤᠯᠤᠨ ᠳᠡᠮᠵᠢᠵᠤ᠂ ᠨᠡᠩ ᠶᠡᠭᠡ ᠪᠡᠯᠡ ᠮᠦᠩᠬᠦ᠂ ᠲᠧᠭᠨᠢᠭ ᠮᠡᠷᠬᠡᠵᠢᠯ᠂ | ᠳᠦᠷᠦᠯ ᠵᠦᠢᠯ᠂ ᠴᠢᠳᠠᠪᠤᠷᠢᠳᠠᠨ᠂ ᠬᠠᠮᠢᠶᠠᠷᠤᠯᠳᠠ ᠵᠡᠷᠬᠡ ᠦᠢᠯᠡᠳᠪᠦᠷᠢᠯᠡᠯ ᠤᠨ ᠡᠯᠧᠮᠧᠨ᠋ᠲ ᠢ ᠮᠠᠨ ᠤ ᠬᠤᠰᠢᠭᠤᠨ | ᠳᠤ ᠳᠠᠳᠠᠨ ᠤᠷᠤᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠣᠭᠰᠠᠨ ᠳᠦᠷᠦᠯ ᠵᠦᠢᠯ ᠳᠤ ᠮᠦᠷᠳᠡᠨ | ᠦᠢᠯᠡᠴᠢᠯᠡᠬᠦ ᠪᠠᠨ ᠴᠢᠩᠭᠠᠳᠬᠠᠨ᠂《 ᠠᠷᠠᠯᠵᠢᠶᠠᠴᠢᠨ ᠢ ᠳᠤᠳᠤᠨᠤᠴᠢᠯᠠᠬᠤ᠂ ᠠᠷᠠᠯᠵᠢᠶᠠᠴᠢᠨ ᠢ ᠠᠮᠤᠷᠵᠢᠭᠤᠯᠬᠤ᠂ | ᠠᠷᠠᠯᠵᠢᠶᠠᠴᠢᠨ ᠢ ᠪᠠᠶᠠᠵᠢᠭᠤᠯᠬᠤ》ᠰᠠᠶᠢᠨ ᠤᠷᠴᠢᠨ ᠢ ᠪᠦᠷᠢᠯᠳᠤᠭᠦᠯᠵᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠰᠢᠨ᠎ᠡ ᠰᠢᠪᠳᠤᠯᠤᠯᠳᠠ ᠪᠠ ᠳᠤᠭᠳᠠᠮᠠᠯ ᠬᠦᠷᠦᠩᠬᠡ ᠶᠢᠨ ᠪᠡᠯᠡ ᠣᠷᠣᠭᠤᠯᠬᠤ ᠰᠢᠨ᠎ᠡ ᠳᠠᠪᠠᠯᠳᠠ ᠶᠢ | ᠪᠡᠶᠡᠯᠡᠬᠦᠯᠦᠨ᠎ᠡ᠃ | ᠪᠡᠯᠡ ᠮᠦᠩᠬᠦ ᠤᠷᠤᠭᠤᠯᠬᠤ ᠬᠤᠷᠠᠮᠳᠤᠭᠤᠯᠬᠤ ᠠᠷᠭ᠎ᠠ ᠵᠠᠮ ᠢᠶᠠᠨ ᠴᠢᠷᠮᠠᠶᠢᠨ ᠦᠷᠬᠡᠳᠬᠡᠨ᠎ᠡ᠃ ᠪᠠᠩᠬᠢ ᠪᠠ ᠤᠷᠤᠨ | ᠨᠤᠳᠤᠭ᠂ ᠪᠠᠩᠬᠢ ᠪᠠ ᠠᠵᠤ ᠠᠬᠤᠶᠢᠯᠠᠯ ᠬᠠᠮᠳᠤᠷᠠᠨ ᠠᠵᠢᠯᠯᠠᠬᠤ ᠶᠢ ᠬᠦᠨᠵᠡᠬᠡᠶᠢᠷᠡᠬᠦᠯᠵᠤ᠂ ᠡᠯ᠎ᠡ ᠬᠤᠳᠠᠯᠳᠤᠭᠠᠨ ᠤ | ᠪᠠᠩᠬᠢ ᠳᠤᠰ ᠳᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ ᠤᠷᠮᠠᠰᠢᠭᠤᠯᠵᠤ᠂ ᠮᠠᠨ ᠤ | ᠬᠤᠰᠢᠭᠤᠨ ᠤ ᠭᠤᠤᠯᠳᠠᠯᠭ᠎ᠠ ᠲᠠᠢ ᠠᠵᠢᠯ ᠳᠦᠷᠦᠯ᠂ ᠠᠵᠤ ᠠᠬᠤᠶᠢᠯᠠᠯ ᠤᠨ ᠵᠢᠬᠡᠯᠡᠯᠬᠡ ᠶᠢᠨ ᠬᠡᠪᠴᠢᠶ᠎ᠡ ᠶᠢ | ᠦᠷᠬᠡᠳᠬᠡᠨ᠎ᠡ᠃ ᠢᠳᠡᠬᠡᠮᠵᠢᠳᠤ ᠵᠢᠬᠡᠯᠡᠯᠬᠡ ᠶᠢᠨ ᠪᠠᠳᠤᠯᠠᠭᠠᠨ ᠤ ᠳᠠᠪᠴᠠᠩ ᠢ ᠳᠡᠬᠦᠯᠳᠡᠷᠵᠢᠬᠦᠯᠬᠦ ᠪᠠ | ᠳᠦᠷᠢᠮᠵᠢᠬᠦᠯᠵᠤ᠂ ᠤᠯᠤᠰ ᠤᠨ ᠡᠵᠡᠩᠨᠡᠯᠳᠡ ᠶᠢᠨ ᠴᠢᠨᠠᠷᠳᠠᠢ ᠬᠦᠷᠦᠩᠬᠡ ᠶᠢ ᠨᠢᠬᠡᠳᠬᠡᠵᠤ᠂ ᠤᠯᠤᠰ ᠤᠨ | ᠦᠮᠴᠢᠯᠡᠯᠳᠤ ᠡᠳ᠋ ᠬᠦᠷᠦᠩᠬᠡ ᠶᠢᠨ ᠠᠵᠤ ᠠᠬᠤᠶᠢᠯᠠᠯ ᠤᠨ ᠪᠦᠯᠦᠭᠯᠡᠯ ᠢ ᠵᠤᠬᠢᠶᠠᠨ ᠪᠠᠶᠢᠭᠤᠯᠵᠤ᠂ ᠳᠦᠷᠢᠮᠵᠢᠭᠰᠡᠨ | ᠪᠡᠯᠡ ᠮᠦᠩᠬᠦ ᠬᠤᠷᠠᠮᠳᠤᠭᠤᠯᠬᠤ ᠳᠤᠭᠳᠠᠯᠴᠠᠭ᠎ᠠ ᠶᠢ ᠪᠠᠶᠢᠭᠤᠯᠤᠨ᠂ ᠬᠦᠷᠦᠩᠬᠡ ᠶᠢᠨ ᠡᠵᠡᠩᠨᠡᠯᠳᠡ ᠶᠢᠨ ᠦᠷ᠎ᠡ | ᠠᠰᠢᠭ ᠢ ᠳᠡᠬᠡᠭᠰᠢᠯᠡᠬᠦᠯᠦᠨ᠂ ᠳᠦᠷᠦᠯ ᠵᠦᠢᠯ ᠤᠨ ᠪᠡᠯᠡ ᠮᠦᠩᠬᠦ ᠬᠤᠷᠠᠮᠳᠤᠭᠤᠯᠬᠤ ᠴᠢᠳᠠᠪᠬᠢ ᠶᠢ | ᠴᠢᠩᠭᠠᠷᠠᠭᠤᠯᠤᠨ᠎ᠠ᠃《 ᠵᠠᠰᠠᠭ ᠤᠨ ᠤᠷᠳᠤᠨ ᠵᠢᠯᠤᠭᠤᠳᠴᠤ᠂ ᠪᠠᠩᠬᠢ ᠳᠡᠮᠵᠢᠨ᠂ ᠪᠠᠳᠤᠯᠠᠨ ᠳᠠᠭᠠᠭᠠᠭᠴᠢ ᠪᠠ | ᠠᠵᠤ ᠠᠬᠤᠶᠢᠯᠠᠯ ᠤᠷᠤᠯᠴᠠᠭᠰᠠᠨ》ᠪᠡᠯᠡ ᠮᠦᠩᠬᠦ ᠬᠤᠷᠠᠮᠳᠤᠭᠤᠯᠬᠤ ᠠᠵᠢᠯ ᠤᠨ ᠳᠤᠭᠳᠠᠴᠠ ᠶᠢ ᠪᠠᠶᠢᠭᠤᠯᠵᠤ᠂ | ᠬᠤᠰᠢᠭᠤᠨ ᠤ ᠢᠳᠡᠬᠡᠮᠵᠢᠳᠤ ᠪᠠᠳᠤᠯᠠᠭᠠᠨ ᠤ ᠳᠦᠪ ᠤᠨ ᠬᠦᠷᠦᠩᠬᠡ ᠮᠦᠩᠬᠦᠨ ᠤ ᠬᠡᠪᠴᠢᠶ᠎ᠡ ᠶᠢ ᠦᠷᠬᠡᠳᠬᠡᠨ᠂ | ᠤᠯᠠᠨ ᠳᠠᠪᠬᠤᠷᠭᠠᠳᠤ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠤᠭᠳᠠᠯᠴᠠᠭ᠎ᠠ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠦᠨᠡᠨᠬᠦ ᠴᠢᠩᠭᠠᠳᠬᠠᠨ᠎ᠠ᠃ ᠦᠪᠡᠷᠳᠡᠬᠡᠨ ᠵᠠᠰᠠᠬᠤ | ᠤᠷᠤᠨ ᠤ ᠠᠶᠢᠮᠠᠭ ᠬᠤᠳᠠ ᠠᠯᠤᠰᠯᠠᠨ ᠤᠰᠤᠨ ᠤ ᠡᠷᠬᠡ ᠰᠤᠯᠢᠬᠤ ᠬᠦᠢᠴᠡᠳᠬᠡᠯ ᠳᠤᠭ᠎ᠠ ᠶᠢ ᠴᠢᠷᠮᠠᠶᠢᠨ ᠤᠯᠵᠤ᠂ | ᠳᠠᠷᠡᠰᠤᠨ ᠬᠤᠳᠠ ᠯᠤᠭ᠎ᠠ ᠶᠢᠨ ᠤᠰᠤ ᠨᠡᠬᠦᠷᠡᠰᠦᠨ ᠤ ᠬᠠᠮᠳᠤᠷᠠᠯᠴᠠᠭ᠎ᠠ ᠶᠢ ᠳᠦᠯᠬᠢᠨ ᠠᠬᠢᠭᠤᠯᠵᠤ᠂ ᠳᠡᠭᠷᠢ ᠶᠢᠨ | ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠳᠤ ᠬᠠᠳᠤᠨ ᠭᠤᠤᠯ ᠤᠨ ᠤᠰᠤ ᠬᠠᠩᠭᠠᠬᠤ | ᠢᠨᠵᠧᠨᠧᠷᠢᠩ ᠤᠨ ᠡᠯ᠎ᠡ ᠳᠦᠷᠦᠯ ᠤᠨ ᠪᠡᠯᠡᠳᠬᠡᠯ ᠠᠵᠢᠯ ᠢ ᠰᠠᠶᠢᠳᠤᠷ ᠬᠢᠵᠤ᠂ ᠡᠷᠳᠡᠬᠡᠨ ᠡᠬᠢᠯᠡᠵᠤ ᠪᠠᠶᠢᠭᠤᠯᠬᠤ | ᠪᠠᠷ ᠴᠢᠷᠮᠠᠶᠢᠨ᠂ ᠤᠰᠤᠨ ᠤ ᠡᠬᠢ ᠰᠤᠷᠪᠤᠯᠵᠢ ᠶᠢ ᠦᠷᠬᠦᠯᠵᠢᠯᠡᠨ ᠠᠰᠢᠭᠯᠠᠬᠤ ᠶᠢ ᠳᠦᠯᠬᠢᠨ ᠠᠬᠢᠭᠤᠯᠤᠨ᠎ᠠ᠃ | ᠪᠠᠶᠠᠨᠮᠤᠳᠤ ᠶᠢᠨ 220 ᠺᠢᠯᠤᠸᠣᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠢᠨᠵᠧᠨᠧᠷᠢᠩ ᠪᠠ | ᠬᠤᠶᠠᠷᠬᠤᠳᠳᠤᠭ᠂ ᠤᠩᠭᠤᠴᠠᠳᠠᠢ ᠶᠢᠨ 110 ᠺᠢᠯᠦᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ | ᠦᠷᠳᠡᠭᠡ ᠶᠢ ᠦᠷᠬᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠤ᠂ ᠠᠯᠠᠱᠠ ᠵᠡᠬᠦᠨ ᠬᠤᠰᠢᠭᠤᠨ ᠤ | ᠴᠠᠬᠢᠯᠭᠠᠨ ᠬᠦᠴᠦᠨ ᠤ ᠬᠤᠶᠠᠳᠤᠭᠠᠷ ᠨᠡᠪᠳᠡᠷᠡᠯᠬᠡ ᠪᠤᠯᠬᠤ ᠡᠾᠧᠪᠸᠢ — ᠪᠠᠶᠠᠨᠮᠤᠳᠤ — ᠪᠠᠶᠠᠨᠨᠢᠷᠤᠭᠤᠨ ᠤ 500 | ᠺᠢᠯᠤᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠰᠠᠶᠢᠳᠤᠷ ᠬᠢᠵᠤ᠂ ᠮᠠᠨ ᠤ ᠬᠤᠰᠢᠭᠤᠨ ᠤ ᠴᠠᠬᠢᠯᠭᠠᠨ ᠬᠦᠴᠦᠨ ᠤ ᠪᠠᠳᠤᠯᠠᠭ᠎ᠠ ᠪᠠ ᠢᠷᠡᠬᠡᠳᠤᠢ ᠳᠤ | ᠴᠡᠪᠡᠷ ᠡᠨᠧᠷᠬᠢ ᠢ ᠶᠡᠬᠡᠪᠡᠷ ᠬᠦᠭᠵᠢᠬᠦᠯᠬᠦ ᠳᠤ ᠪᠠᠳᠤ ᠪᠠᠬᠢ ᠰᠠᠭᠤᠷᠢ ᠶᠢ ᠳᠠᠯᠪᠢᠨ᠎ᠠ᠃ ᠠᠯᠠᠱᠠ ᠵᠡᠬᠦᠨ ᠬᠤᠰᠢᠭᠤᠨ | ᠤ ᠠᠵᠢᠯ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠵᠤ ᠰᠠᠯᠠᠭ᠎ᠠ ᠱᠤᠭᠤᠮ ᠤᠨ ᠨᠢᠰᠬᠡᠯ ᠤᠨ | ᠪᠠᠭᠤᠳᠠᠯ ᠪᠤᠯᠭᠠᠬᠤ ᠪᠠᠷ ᠮᠡᠳᠡᠬᠦᠯᠬᠦ ᠠᠵᠢᠯ ᠢ ᠡᠬᠢᠯᠡᠬᠦᠯᠦᠨ᠎ᠡ᠃ ᠦᠯᠵᠡᠢ ᠪᠤᠭᠤᠮᠳᠠ ᠠᠴᠠ ᠨᠢᠩᠰᠢᠶᠠ ᠶᠢᠨ | ᠳᠡᠷᠡᠰᠦᠨ ᠬᠦᠷᠬᠦ᠂ ᠪᠠᠷᠠᠭᠤᠨ ᠢᠩᠬᠡᠨ ᠠᠴᠠ ᠨᠢᠩᠰᠢᠶᠠ ᠶᠢᠨ ᠱᠢ ᠽᠦᠢ ᠱᠠᠨ ᠬᠦᠷᠬᠦ ᠵᠡᠷᠬᠡ 12 ᠵᠤᠷᠪᠤᠰ | 2321 ᠺᠢᠯᠤᠮᠧᠲᠷ ᠵᠠᠮ ᠢ ᠦᠪᠡᠷᠳᠡᠬᠡᠨ ᠵᠠᠰᠠᠬᠤ ᠤᠷᠤᠨ ᠤ ᠮᠤᠵᠢ ᠶᠢᠨ ᠵᠠᠮ ᠤᠨ ᠳᠤᠤᠷᠵᠢᠯ ᠤᠨ | ᠳᠦᠯᠦᠪᠵᠢᠬᠦᠯᠬᠡ ᠳᠤ ᠤᠷᠤᠭᠤᠯᠬᠤ ᠳᠤᠬᠢᠶᠠᠯ ᠢ ᠠᠳᠬᠤᠨ᠂ ᠳᠡᠰ ᠳᠡᠪᠰᠢᠬᠦᠯᠬᠦ ᠦᠬᠡᠷᠡᠴᠢᠯᠡᠯᠳᠡ ᠶᠢᠨ ᠡᠯ᠎ᠡ | ᠵᠦᠢᠯ ᠤᠨ ᠪᠡᠯᠡᠳᠬᠡᠯ ᠠᠵᠢᠯ ᠢ ᠢᠳᠡᠪᠬᠢᠳᠡᠢ ᠰᠠᠶᠢᠳᠤᠷ ᠬᠢᠨ᠎ᠡ᠃ ᠵᠠᠩ ᠵᠢᠶᠠ ᠹᠠᠩ ᠠᠴᠠ ᠴᠠᠬᠠᠷ ᠬᠦᠷᠬᠦ ᠳᠦᠷᠬᠡᠨ | ᠵᠠᠮ᠂ ᠪᠠᠶᠠᠨᠨᠢᠷᠤᠭᠤᠨ ᠠᠴᠠ ᠰᠤᠬᠠᠶᠢᠳᠤ ᠬᠦᠷᠬᠦ ᠨᠢᠬᠡᠳᠦᠬᠡᠷ ᠳᠡᠰ ᠤᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ | ᠶᠢᠨ ᠠᠬᠢᠴᠠ ᠶᠢ ᠳᠦᠷᠬᠡᠳᠬᠡᠵᠤ᠂ ᠰᠢᠨ᠎ᠡ ᠪᠠᠷ 76 ᠺᠢᠯᠤᠮᠧᠲᠷ ᠤᠨ ᠬᠦᠳᠡᠭᠡ ᠳᠤᠰᠬᠤᠨ ᠮᠠᠯᠵᠢᠬᠤ ᠤᠷᠤᠨ ᠤ | ᠵᠠᠰᠠᠮᠠᠯ ᠵᠠᠮ ᠢ ᠵᠠᠰᠠᠵᠤ᠂ ᠪᠡᠬᠡᠵᠢᠩ ᠠᠴᠠ ᠰᠢᠨᠵᠢᠶᠡᠩ ᠬᠦᠷᠬᠦ ᠳᠦᠷᠬᠡᠨ ᠵᠠᠮ ︵ᠠᠯᠠᠱᠠ ᠵᠡᠬᠦᠨ ᠬᠤᠰᠢᠭᠤᠨ ᠳᠠᠬᠢ | ᠬᠡᠰᠡᠭ︶ ᠵᠢᠴᠢ ᠬᠤᠶᠠᠷ ᠵᠤᠷᠪᠤᠰ ᠬᠤᠯᠪᠤᠬᠤ ᠱᠤᠭᠤᠮ᠂ ᠭᠠᠨ ᠳᠠᠩ — ᠡᠤ ᠸᠧᠢ ᠬᠦᠷᠬᠦ ᠳᠡᠮᠦᠷ ᠵᠠᠮ ᠤᠨ | ᠬᠤᠶᠠᠳᠤᠭᠠᠷ ᠱᠤᠭᠤᠮ ᠤᠨ ᠠᠯᠠᠱᠠ ᠵᠡᠬᠦᠨ ᠬᠤᠰᠢᠭᠤᠨ ᠳᠠᠬᠢ ᠬᠡᠰᠡᠭ ᠢ ᠡᠬᠢᠯᠡᠨ ᠪᠠᠶᠢᠭᠤᠯᠬᠤ ᠶᠢ ᠪᠦᠬᠦ ᠬᠦᠴᠦᠨ | ᠢᠶᠠᠷ ᠪᠠᠳᠤᠯᠠᠨ᠂ ᠴᠠᠭᠠᠨ ᠳᠡᠷᠡᠰᠤ — ᠵᠢᠷᠠᠳᠠᠢ ᠬᠦᠷᠬᠦ ᠳᠡᠮᠦᠷ ᠵᠠᠮ᠂ ᠪᠠᠶᠠᠨᠬᠤᠳᠠ — ᠡᠷᠬᠡ ᠬᠠᠰᠬᠠ — ᠮᠢᠨ | ᠴᠢᠩ ᠰᠢᠶᠠᠨ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠪᠠᠨ ᠡᠬᠢᠯᠡᠬᠦᠯᠦᠨ᠎ᠡ᠃ ᠤᠯᠠᠭᠠᠨ ᠤᠪᠤᠭ᠎ᠠ — | ᠳᠡᠷᠡᠰᠤᠨ ᠬᠦᠷᠬᠦ ᠳᠡᠮᠦᠷ ᠵᠠᠮ᠂ ᠤᠯᠠᠭᠠᠨ ᠤᠪᠤᠭ᠎ᠠ — ᠴᠢᠩ ᠲᠦᠩ ᠰᠢᠶᠠ ᠬᠦᠷᠬᠦ ᠳᠡᠮᠦᠷ ᠵᠠᠮ᠂ ᠦᠯᠵᠡᠢ — | ᠪᠠᠶᠠᠨᠬᠤᠳᠠ — ᠳᠡᠷᠡᠰᠤᠨ ᠬᠦᠷᠬᠦ ᠳᠡᠮᠦᠷ ᠵᠠᠮ᠂ ᠳᠤᠯᠢ — ᠳᠡᠷᠡᠰᠤᠨ ᠬᠦᠷᠬᠦ ᠵᠠᠰᠠᠮᠠᠯ ᠵᠠᠮ ᠪᠠ ᠢᠷᠭᠠᠢ — | ᠳᠡᠷᠡᠰᠦᠨ ᠬᠦᠷᠬᠦ ᠳᠦᠷᠬᠡᠨ ᠵᠠᠮ ᠤᠨ ᠬᠤᠯᠪᠤᠬᠤ ᠱᠤᠭᠤᠮ᠂ ᠳᠡᠭᠷᠢ — ᠤᠨᠳᠤᠷᠤᠯᠳᠤ ᠬᠦᠷᠬᠦ ᠵᠠᠰᠠᠮᠠᠯ ᠵᠠᠮ ᠤᠨ | ᠬᠤᠯᠪᠤᠬᠤ ᠱᠤᠭᠤᠮ ᠵᠡᠷᠬᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠰᠠᠶᠢᠳᠤᠷ | ᠬᠢᠵᠤ᠂ ᠪᠤᠳᠠᠳᠠᠢ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠠᠬᠢᠴᠠ ᠶᠢ ᠳᠦᠷᠬᠡᠳᠬᠡᠨ᠂ ᠬᠦᠭᠵᠢᠯᠳᠡ ᠶᠢᠨ | ᠬᠡᠯᠪᠡᠷᠢ ᠪᠠᠨ ᠬᠦᠴᠦ ᠳᠠᠯᠪᠢᠨ ᠬᠤᠪᠢᠷᠠᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠳᠦᠯᠬᠢᠨ ᠠᠬᠢᠭᠤᠯᠬᠤ ᠶᠢ ᠢᠮᠠᠭᠳᠠ ᠭᠤᠤᠯ ᠴᠢᠷᠮᠠᠶᠢᠬᠤ | ᠬᠠᠷᠠᠯᠳᠠ ᠪᠠᠨ ᠪᠤᠯᠭᠠᠵᠤ᠂ ᠤᠳᠤᠬᠢᠴᠢᠯᠠᠭᠰᠠᠨ ᠨᠡᠬᠦᠷᠡᠰᠤ ᠬᠢᠮᠢ᠂ ᠴᠡᠪᠡᠷ ᠡᠨᠧᠷᠬᠢ᠂ ᠦᠩᠬᠡᠳᠤ ᠳᠡᠮᠦᠷᠯᠢᠭ ᠢ | ᠦᠢᠯᠡᠳᠪᠦᠷᠢᠯᠡᠵᠤ ᠡᠳ᠋ᠰᠢᠬᠦᠯᠬᠦ᠂ ᠤᠳᠤᠬᠢᠴᠢᠯᠠᠭᠰᠠᠨ ᠳᠤᠨᠤᠭᠯᠠᠯ ᠦᠢᠯᠡᠳᠬᠦ ᠵᠡᠷᠬᠡ ᠰᠢᠨ᠎ᠡ ᠬᠡᠯᠪᠡᠷᠢ ᠶᠢᠨ ᠠᠵᠤ | ᠦᠢᠯᠡᠰ ᠤᠨ ᠬᠦᠭᠵᠢᠯᠳᠡ ᠶᠢ ᠳᠦᠷᠬᠡᠳᠬᠡᠵᠤ᠂《 ᠤᠯᠠᠨ ᠡᠰᠢᠵᠢᠨ ᠬᠦᠭᠵᠢᠵᠤ᠂ ᠤᠯᠠᠨ ᠳᠤᠶᠢᠯ ᠢᠶᠠᠷ | ᠳᠤᠯᠭᠠᠭᠤᠷᠢᠯᠠᠭᠰᠠᠨ》ᠠᠵᠤ ᠦᠢᠯᠡᠳᠪᠦᠷᠢ ᠶᠢᠨ ᠬᠦᠭᠵᠢᠯᠳᠡ ᠶᠢᠨ ᠪᠠᠶᠢᠷᠢᠰᠢᠭᠤᠯᠤᠯᠳᠠ ᠶᠢ ᠢᠳᠡᠪᠬᠢᠳᠡᠢ | ᠪᠦᠷᠢᠯᠳᠦᠬᠦᠯᠵᠤ᠂ ᠠᠵᠤ ᠦᠢᠯᠡᠰ ᠤᠨ ᠶᠡᠷᠦᠩᠬᠡᠶᠢᠯᠡᠭᠰᠡᠨ ᠦᠷᠢᠰᠦᠯᠳᠦᠬᠡᠨ ᠤ ᠬᠦᠴᠦᠨ ᠢ ᠴᠢᠷᠮᠠᠶᠢᠨ | ᠳᠡᠬᠡᠭᠰᠢᠯᠡᠬᠦᠯᠦᠨ᠎ᠡ᠃ | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠳᠦᠷᠦᠯ ᠵᠦᠢᠯ ᠢ ᠬᠦᠴᠦ ᠳᠠᠯᠪᠢᠨ ᠰᠠᠶᠢᠳᠤᠷ ᠠᠳᠬᠤᠨ᠎ᠠ᠃ 13 | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠳᠦᠷᠦᠯ ᠵᠦᠢᠯ ᠢ ᠳᠦᠯᠦᠪᠯᠡᠨ ᠬᠡᠷᠡᠭᠵᠢᠬᠦᠯᠵᠤ᠂ ᠨᠡᠶᠢᠳᠡ 698 | ᠳ᠋ᠦᠩᠰᠢᠭᠤᠷ ᠳᠦᠬᠦᠷᠢᠭ ᠪᠡᠯᠡ ᠤᠷᠤᠭᠤᠯᠤᠨ᠂ 2014 ᠤᠨ ᠳᠤ 104.5 ᠳ᠋ᠦᠩᠰᠢᠭᠤᠷ ᠳᠦᠬᠦᠷᠢᠭ ᠪᠡᠯᠡ | ᠤᠷᠤᠭᠤᠯᠬᠤ ᠪᠠᠷ ᠳᠦᠯᠦᠪᠯᠡᠨᠡ᠃ ᠨᠡᠶᠢᠳᠡ 160 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠶᠤᠸᠠᠨ | ᠲᠦᠩ ᠤᠨ 600 ᠳᠦᠮᠡᠨ ᠳᠡᠭᠰᠢ ᠳᠦᠷᠪᠡᠯᠵᠢᠨ ᠮᠧᠲᠷ ᠤᠨ《 ᠡᠾᠧ ᠯᠠᠨ ᠬᠠᠰ》᠂ ᠨᠡᠶᠢᠳᠡ 20 | ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠴᠢᠩ ᠬᠤᠸᠠ ᠶᠢᠨ 1000 ᠲᠤᠨ ᠤ ᠨᠡᠬᠦᠷᠡᠰᠦᠳᠦ᠋ᠷᠦᠭᠴᠢ | ᠰᠢᠷᠬᠡᠭᠯᠢᠭ᠂ ᠨᠡᠶᠢᠳᠡ 12.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠹᠧᠩ ᠸᠧᠢ ᠶᠢᠨ 10 ᠲᠦᠮᠡᠨ | ᠺᠢᠯᠤᠸᠤᠯᠲ ᠬᠡᠷᠡᠯ ᠴᠠᠬᠢᠯᠭᠠᠨ ᠵᠡᠷᠬᠡ 7 ᠰᠢᠨ᠎ᠡ ᠪᠠᠷ ᠪᠠᠶᠢᠭᠤᠯᠬᠤ ᠳᠦᠷᠦᠯ ᠵᠦᠢᠯ ᠳᠤᠭᠳᠠᠭᠰᠠᠨ ᠬᠤᠭᠤᠴᠠᠭᠠᠨ | ᠳᠠᠭᠠᠨ ᠠᠵᠢᠯ ᠡᠬᠢᠯᠡᠬᠦᠯᠬᠦ ᠶᠢ ᠪᠦᠬᠦ ᠬᠦᠴᠦ ᠪᠠᠷ ᠠᠬᠢᠭᠤᠯᠤᠨ᠎ᠠ᠃ ᠶᠢᠨ ᠱᠢ ᠮᠠᠭᠨᠢ ᠶᠢᠨ ᠦᠢᠯᠡᠰ ᠤᠨ 20 | ᠳᠦᠮᠡᠨ ᠳᠤᠨ ᠤ ᠴᠢᠨᠠᠷᠯᠢᠭ ᠮᠠᠭᠨᠢ ᠶᠢᠨ ᠬᠠᠶᠢᠯᠤᠰᠢ᠂ ᠠᠯᠠᠱᠠ ᠶᠢᠨ ᠤᠭᠳᠠᠷᠭᠤᠢ ᠶᠢᠨ ᠨᠢᠰᠦᠬᠦᠷ᠂ ᠪᠠᠶᠠᠨᠬᠤᠳᠠ | ᠶᠢᠨ 2×33 ᠳᠦᠮᠡᠨ ᠺᠢᠯᠤᠸᠤᠯᠲ ᠤᠨ ᠢᠯᠴᠢ ᠴᠠᠬᠢᠯᠭᠠᠨ ᠦᠢᠯᠡᠳᠪᠦᠷᠢᠯᠡᠬᠦ ᠵᠡᠷᠬᠡ 6 ᠦᠷᠬᠦᠯᠵᠢᠯᠡᠨ | ᠪᠠᠶᠢᠭᠤᠯᠬᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠦᠯᠬᠢᠨ ᠠᠬᠢᠭᠤᠯᠤᠨ᠎ᠠ᠃ ᠱᠤᠸᠠᠩ ᠢ | ᠸᠠᠭᠠᠷ ᠱᠠᠭᠠᠵᠠᠩ ᠤᠨ ᠨᠢᠬᠡᠳᠦᠬᠡᠷ ᠬᠤᠭᠤᠴᠠᠭ᠎ᠠ᠂ ᠢᠩ ᠬᠠᠢ ᠱᠦᠢᠨᠢ ᠵᠡᠷᠬᠡ ᠳᠦᠷᠦᠯ ᠵᠦᠢᠯ ᠳᠤᠭᠳᠠᠭᠰᠠᠨ | ᠬᠤᠭᠤᠴᠠᠭᠠᠨ ᠳᠠᠭᠠᠨ ᠦᠢᠯᠡᠳᠪᠦᠷᠢᠯᠡᠬᠦ ᠬᠡᠮᠵᠢᠶᠡᠨ ᠳᠤ ᠬᠦᠷᠬᠦ ᠶᠢ ᠠᠬᠢᠭᠤᠯᠤᠨ᠎ᠠ᠃ ᠳᠠᠶᠢᠰᠢ᠂ ᠨᠢᠩ ᠹᠠ | ᠨᠡᠬᠦᠷᠡᠰᠤᠨ ᠤ ᠠᠭᠤᠷᠬᠠᠢ ᠶᠢ ᠵᠠᠳᠠᠭᠠᠢ ᠨᠡᠬᠦᠷᠡᠰᠦᠨ ᠠᠭᠤᠷᠬᠠᠢ ᠪᠤᠯᠭᠠᠵᠤ ᠦᠬᠡᠷᠡᠴᠢᠯᠡᠬᠦ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠤᠨ᠎ᠠ᠃ ᠤᠯᠤᠰ ᠤᠨ ᠡᠨᠧᠷᠬᠢ ᠤᠨ ᠵᠢᠯ ᠳᠤ 40 ᠳ᠋ᠦᠩᠰᠢᠭᠤᠷ ᠪᠤᠰᠤᠭ᠎ᠠ ᠳᠦᠷᠪᠡᠯᠵᠢᠨ | ᠮᠧᠲᠷ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠬᠡᠢ ᠦᠢᠯᠡᠳᠬᠦ᠂ ᠺᠠᠢ ᠬᠠᠩ ᠤᠯᠠᠨ ᠤᠯᠤᠰ ᠤᠨ ᠠᠭᠠᠷ ᠤᠨ | ᠠᠶᠠᠯᠠᠯ ᠤᠨ ᠠᠵᠤ ᠦᠢᠯᠡᠰ ᠤᠨ ᠬᠦᠷᠢᠶᠡᠯᠡᠩ᠂ ᠰᠦᠢ ᠰᠢᠨ ᠠᠭᠠᠷ ᠤᠨ ᠠᠶᠠᠯᠠᠯ ᠤᠨ ᠨᠢᠰᠦᠬᠦᠷ ᠤᠨ ᠠᠵᠤ ᠦᠢᠯᠡᠰ | ᠤᠨ ᠰᠠᠭᠤᠷᠢᠨ᠂ ᠱᠧᠨ ᠬᠤᠸᠠ ᠶᠢᠨ ᠤᠯᠠᠨᠪᠤᠯᠠᠭ ᠳᠠᠬᠢ 2×33 ᠳᠦᠮᠡᠨ ᠺᠢᠯᠤᠸᠤᠯᠲ ᠤᠨ ᠪᠡᠯᠡᠳᠬᠡᠯ ᠴᠠᠬᠢᠯᠭᠠᠨ | ᠦᠢᠯᠡᠳᠪᠦᠷᠢ ᠵᠡᠷᠬᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠳᠦᠯᠬᠢᠨ | ᠠᠬᠢᠭᠤᠯᠵᠤ᠂ ᠡᠷᠳᠡᠬᠡᠨ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃ | ᠤᠷᠤᠨ ᠳᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠤᠨ᠎ᠠ | ᠃《 ᠪᠠᠶᠠᠨᠬᠤᠳᠠ ᠶᠢᠨ ᠤᠷᠴᠢᠨ ᠠᠬᠤᠢ ᠶᠢ ᠬᠠᠮᠠᠭᠠᠯᠠᠬᠤ ᠮᠠᠶ᠋ᠢᠭ ᠤᠨ ᠠᠵᠤ ᠦᠢᠯᠡᠳᠪᠦᠷᠢ ᠶᠢᠨ ᠳᠤᠭᠤᠷᠢᠭ ᠤᠨ | ᠳᠦᠯᠦᠪᠵᠢᠬᠦᠯᠬᠡ》 ᠶᠢ ᠵᠠᠰᠠᠪᠤᠷᠢ ᠤᠷᠤᠭᠤᠯᠤᠨ ᠨᠠᠶᠢᠷᠠᠭᠤᠯᠬᠤ ᠠᠵᠢᠯ ᠢ ᠪᠡᠶᠡᠯᠡᠬᠦᠯᠦᠨ᠎ᠡ᠃ ᠳᠡᠭᠷᠢ ᠶᠢᠨ ᠠᠵᠤ | ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠤ ᠳᠦᠬᠦᠷ ᠦᠢᠯᠡᠴᠢᠯᠡᠬᠡᠨ ᠤ ᠨᠦᠬᠦᠴᠡᠯ ᠢ ᠶᠡᠬᠡᠪᠡᠷ | ᠰᠠᠶᠢᠵᠢᠷᠠᠭᠤᠯᠵᠤ᠂ ᠬᠠᠳᠠᠭᠤ ᠪᠡᠶᠡᠳᠤ ᠬᠠᠶᠠᠭᠳᠠᠮᠠᠯ ᠢ ᠰᠢᠢᠳᠪᠦᠷᠢᠯᠡᠬᠦ᠂ ᠳᠡᠪᠬᠡ ᠶᠢᠨ ᠤᠰᠤᠨ ᠴᠦᠬᠦᠷᠦᠮ᠂ 50 | ᠺᠢᠯᠤᠮᠧᠲᠷ ᠤᠨ ᠬᠤᠳᠠ ᠶᠢᠨ ᠵᠠᠰᠠᠮᠠᠯ ᠵᠠᠮ ᠪᠠ ᠠᠮᠢᠳᠤᠷᠠᠯ ᠤᠨ ᠦᠢᠯᠡᠴᠢᠯᠡᠬᠡᠨ ᠤ ᠳᠤᠭᠤᠷᠢᠭ ᠤᠨ ᠳᠦᠬᠦᠷ | ᠰᠠᠭᠤᠷᠢ ᠳᠦᠬᠦᠬᠡᠷᠦᠮᠵᠢ ᠵᠡᠷᠬᠡ 10 ᠳᠦᠷᠦᠯ ᠵᠦᠢᠯ ᠢ ᠬᠡᠷᠡᠭᠵᠢᠬᠦᠯᠵᠤ᠂ ᠳᠡᠭᠷᠢ ᠶᠢᠨ ᠬᠠᠭᠤᠴᠢᠨ ᠳᠤᠭᠤᠷᠢᠭ ᠤᠨ | ᠬᠡᠰᠡᠭ ᠠᠵᠤ ᠠᠬᠤᠶᠢᠯᠠᠯ ᠢ ᠨᠡᠬᠦᠯᠬᠡᠬᠦ ᠠᠵᠢᠯ ᠢ ᠪᠡᠶᠡᠯᠡᠬᠦᠯᠦᠨ᠎ᠡ᠃ ᠤᠯᠠᠨᠪᠤᠯᠠᠭ ᠤᠨ ᠠᠵᠤ ᠦᠢᠯᠡᠰ ᠤᠨ | ᠳᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠳᠦᠯᠬᠢᠨ ᠠᠬᠢᠭᠤᠯᠵᠤ᠂ | ᠬᠤᠳᠠ ᠶᠢᠨ ᠵᠠᠮ᠂ ᠤᠰᠤᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠪᠠ ᠬᠠᠮᠠᠭᠠᠯᠠᠯᠳᠠ ᠶᠢᠨ ᠤᠢ᠂ | ᠨᠤᠭᠤᠭᠠᠷᠠᠭᠤᠯᠤᠯᠳᠠ ᠶᠢᠨ ᠪᠦᠰᠡ ᠵᠡᠷᠬᠡ ᠢᠨᠵᠧᠨᠧᠷᠢᠩ ᠢ ᠬᠡᠷᠡᠭᠵᠢᠬᠦᠯᠦᠨ᠎ᠡ᠃ ᠪᠠᠶᠠᠨᠨᠢᠷᠤᠭᠤᠨ ᠤ ᠪᠤᠷᠵᠢᠨ | ᠴᠢᠯᠠᠭᠤᠯᠢᠭ ᠤᠨ ᠠᠭᠤᠷᠬᠠᠢ ᠶᠢᠨ ᠤᠷᠤᠨ ᠪᠠ ᠵᠢᠷᠠᠳᠠᠢ ᠶᠢᠨ ᠴᠢᠯᠠᠭᠤᠨ ᠮᠠᠲ᠋ᠧᠷᠢᠶᠠᠯ ᠡᠳ᠋ᠰᠢᠬᠦᠯᠬᠦ ᠤᠷᠤᠨ ᠨᠢᠬᠡ | ᠴᠤᠭᠴᠠᠵᠢᠨ ᠬᠦᠭᠵᠢᠬᠦ ᠶᠢ ᠳᠦᠷᠬᠡᠳᠬᠡᠨ ᠠᠬᠢᠭᠤᠯᠵᠤ᠂ ᠰᠠᠭᠤᠷᠢ ᠳᠦᠬᠦᠬᠡᠷᠦᠮᠵᠢ ᠶᠢᠨ ᠨᠦᠬᠦᠴᠡᠯ ᠢ ᠦᠨᠡᠨᠬᠦ | ᠰᠠᠶᠢᠵᠢᠷᠠᠭᠤᠯᠤᠨ᠂ ᠵᠠᠮ ᠨᠡᠪᠳᠡᠷᠡᠯᠬᠡ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠢᠷᠠᠳᠠᠢ ᠳᠡᠮᠦᠷ ᠵᠠᠮ ᠤᠨ | ᠴᠢᠩᠬᠡᠯᠢᠭ ᠤᠨ ᠦᠷᠳᠡᠭᠡ ᠵᠡᠷᠬᠡ ᠰᠠᠭᠤᠷᠢ ᠳᠦᠬᠦᠬᠡᠷᠦᠮᠵᠢ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ | ︵ᠭᠤᠷᠪᠠ︶ ᠳᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢᠨ ᠳᠤᠭᠤᠷᠢᠨ | ᠳᠤ᠂ ᠮᠠᠯᠴᠢᠨ ᠳᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠯᠠᠪᠳᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠪᠤᠬᠢᠷᠳᠤᠯ ᠦᠬᠡᠢ ᠳᠦᠷᠦᠯ ᠳᠡᠮᠳᠡᠭ ᠢ ᠡᠬᠦᠳᠴᠣ᠂ ᠦᠪᠡᠷᠮᠢᠴᠡ ᠵᠠᠮ ᠢᠶᠠᠷ ᠵᠠᠮᠨᠠᠨ᠂《 ᠮᠠᠯᠴᠢᠨ ᠳᠠᠷᠢᠶᠠᠴᠢᠨ᠂ | ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ》 ᠤ ᠠᠵᠢᠯ ᠢ ᠬᠦᠴᠦ ᠳᠠᠯᠪᠢᠨ ᠰᠠᠶᠢᠳᠤᠷ ᠠᠳᠬᠤᠵᠤ᠂《 | ᠪᠤᠬᠢᠷᠳᠤᠯ ᠦᠬᠡᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠦᠷᠢᠯᠡᠵᠤ ᠭᠠᠷᠭᠠᠬᠤ | ᠰᠠᠭᠤᠷᠢᠨ ᠭᠠᠵᠠᠷ》 ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠤᠨ᠎ᠠ᠃ | ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠪᠦᠬᠦ ᠬᠤᠰᠢᠭᠤᠨ ᠤ | ᠳᠠᠷᠢᠶᠠᠯᠠᠩ ᠤᠨ ᠶᠡᠷᠦᠩᠬᠡᠢ ᠳᠠᠷᠢᠮᠠᠯ ᠤᠨ ᠳᠠᠯᠠᠪᠠᠢ ᠶᠢ 35 ᠳᠦᠮᠡᠨ ᠮᠤ᠋ ᠳᠤᠳᠤᠷ᠎ᠠ ᠬᠢᠵᠠᠭᠠᠷᠯᠠᠨ᠎ᠠ᠃ | ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠳᠤᠤᠷᠠᠬᠢ ᠤᠰᠤ ᠶᠢ ᠬᠡᠷᠡᠭᠯᠡᠬᠦ ᠪᠠ ᠨᠦᠬᠦᠪᠦᠷᠢᠯᠡᠬᠦ ᠶᠢ | ᠳᠡᠩᠴᠡᠬᠦᠷᠢᠰᠢᠬᠦᠯᠬᠦ ᠠᠯᠬᠤᠴᠠ ᠪᠠᠨ ᠳᠦᠷᠬᠡᠳᠬᠡᠨ᠂《 ᠳᠦᠷᠪᠡᠨ ᠮᠢᠩᠭ᠎ᠠ ᠳᠦᠮᠡᠨ ᠮᠤ᠋》 ᠦᠨᠳᠦᠷ ᠠᠰᠢᠭᠳᠤ | ᠭᠠᠮᠳᠠᠢ ᠤᠰᠤᠯᠠᠯᠳᠠ ᠶᠢᠨ ᠢᠨᠵᠧᠨᠧᠷᠢᠩ ᠢ ᠪᠦᠬᠦ ᠳᠠᠯ᠎ᠠ ᠪᠠᠷ ᠬᠡᠷᠡᠭᠵᠢᠬᠦᠯᠵᠤ᠂ ᠳᠠᠷᠢᠶᠠᠯᠠᠩ ᠤᠨ ᠭᠠᠮᠳᠠᠢ | ᠤᠰᠤᠯᠠᠯᠳᠠ ᠶᠢᠨ ᠳᠠᠯᠠᠪᠠᠢ ᠶᠢ 7500 ᠮᠤ᠋ ᠰᠢᠨ᠎ᠡ ᠪᠠᠷ ᠨᠡᠮᠡᠭᠳᠡᠬᠦᠯᠦᠨ᠎ᠡ᠃ ᠡᠯ᠎ᠡ ᠵᠦᠢᠯ ᠤᠨ ᠳᠦᠷᠦᠯ ᠵᠦᠢᠯ ᠤᠨ | ᠪᠡᠯᠡ ᠮᠦᠩᠬᠦ ᠶᠢ 750 ᠳᠦᠮᠡᠨ ᠳᠦᠬᠦᠷᠢᠭ ᠨᠡᠶᠢᠯᠡᠬᠦᠯᠦᠨ ᠨᠢᠬᠡᠳᠦᠬᠦᠯᠵᠤ᠂ ᠱᠠᠩᠨᠠᠨ ᠨᠦᠬᠦᠪᠦᠷᠢᠯᠡᠬᠦ ᠵᠡᠷᠬᠡ | ᠬᠡᠯᠪᠡᠷᠢ ᠪᠠᠷ《 ᠬᠤᠯᠢᠰᠢᠨ ᠢᠳᠡᠬᠡᠨ》 ᠤ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠦᠯᠬᠢᠨ | ᠠᠬᠢᠭᠤᠯᠤᠨ᠎ᠠ᠃ ᠮᠠᠯ ᠤᠨ ᠨᠡᠶᠢᠳᠡ ᠳᠤᠭ᠎ᠠ ᠶᠢ 132 ᠳᠦᠮᠡᠨ ᠳᠤᠯᠤᠭᠠᠢ ᠳᠤ ᠬᠢᠵᠠᠭᠠᠷᠯᠠᠨ᠂ ᠳᠠᠷᠢᠶᠠᠯᠠᠬᠤ | ᠤᠷᠤᠨ ᠤ ᠬᠠᠰᠢᠶᠠᠯᠠᠨ ᠳᠡᠵᠢᠬᠡᠬᠦ ᠬᠡᠪᠴᠢᠶ᠎ᠡ ᠶᠢ 72 ᠳᠦᠮᠡᠨ ᠳᠤᠭ᠎ᠠ ᠳᠤᠯᠤᠭᠠᠢ ᠳᠤ ᠬᠦᠷᠬᠡᠨ᠎ᠡ᠃ ᠬᠡᠷ | ᠪᠦᠯᠢ ᠶᠢᠨ ᠮᠠᠯᠵᠢᠯ ᠤᠨ ᠳᠠᠯᠠᠪᠠᠢ ᠶᠢ 70 ᠡᠷᠦᠬᠡ ᠬᠦᠮᠦᠵᠢᠬᠦᠯᠦᠨ᠎ᠡ᠃ ᠮᠧᠩ ᠷᠦᠩ ᠺᠤᠮᠫᠠᠨᠢ ᠠᠴᠠ ᠨᠤᠯᠤᠤᠷ ᠤᠨ | ᠴᠠᠭᠠᠨ ᠢᠮᠠᠭᠠᠨ ᠤ ᠰᠢᠯᠢᠳᠡᠭ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠡᠳᠤ ᠨᠤᠯᠤᠤᠷᠳᠤ ᠢᠮᠠᠭᠠᠨ ᠤ | ᠡᠬᠦᠯᠳᠡᠷ ᠪᠤᠶᠢᠵᠢᠭᠤᠯᠬᠤ ᠠᠵᠢᠯ ᠦᠷᠨᠢᠬᠦᠯᠬᠦ ᠶᠢ ᠳᠡᠮᠵᠢᠨ᠎ᠡ᠃ | ᠤᠨᠴᠠᠯᠢᠭᠳᠤ ᠳᠠᠷᠢᠶᠠᠯᠠᠩ ᠮᠠᠯ ᠠᠵᠤ ᠠᠬᠤᠢ ᠪᠠ ᠡᠯᠡᠰᠦᠨ ᠤ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ | ᠡᠯᠡᠰᠦᠨ ᠤ ᠠᠵᠤ ᠦᠢᠯᠡᠰ ᠤᠨ ᠬᠦᠭᠵᠢᠬᠦᠯᠦᠯᠳᠡ ᠶᠢᠨ ᠳᠦᠯᠦᠪᠵᠢᠬᠦᠯᠬᠡ ᠶᠢ ᠵᠤᠬᠢᠶᠠᠨ ᠨᠠᠶᠢᠷᠠᠭᠤᠯᠵᠤ᠂ ᠡᠯᠡᠰᠦᠨ | ᠤ ᠠᠵᠤ ᠦᠢᠯᠡᠰ ᠤᠨ ᠬᠦᠭᠵᠢᠯᠳᠡ ᠶᠢ ᠮᠠᠨ ᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ | ᠶᠢᠨ ᠬᠡᠯᠪᠡᠷᠢ ᠶᠢ ᠬᠤᠪᠢᠷᠠᠭᠤᠯᠬᠤ ᠴᠢᠬᠤᠯᠠ ᠠᠷᠭ᠎ᠠ ᠵᠠᠮ ᠪᠠ ᠰᠢᠪᠳᠤᠯᠤᠯᠳᠠ ᠶᠢᠨ ᠴᠡᠭ ᠪᠤᠯᠭᠠᠨ᠎ᠠ᠃ ᠱᠧᠩ ᠮᠤ᠋ | ᠭᠤᠤ ᠺᠧ ᠺᠤᠮᠫᠠᠨᠢ ᠠᠴᠠ ᠬᠡᠪᠴᠢᠶᠡᠵᠢᠭᠰᠡᠨ ᠤᠷᠭᠠᠨᠢᠭ ᠳᠠᠷᠢᠵᠤ ᠳᠡᠵᠢᠬᠡᠬᠦ ᠦᠢᠯᠡᠰ ᠢ ᠬᠦᠭᠵᠢᠬᠦᠯᠬᠦ ᠶᠢ ᠪᠦᠬᠦ | ᠬᠦᠴᠦᠨ ᠢᠶᠠᠷ ᠳᠡᠮᠵᠢᠨ᠂ 7 ᠳᠦᠮᠡᠨ ᠮᠤ᠋ ᠳᠠᠷᠢᠮᠠᠯ ᠪᠡᠯᠴᠢᠬᠡᠷ ᠢ ᠰᠢᠨ᠎ᠡ ᠪᠠᠷ ᠨᠡᠮᠡᠭᠳᠡᠬᠦᠯᠬᠦ ᠪᠠᠷ ᠳᠦᠯᠦᠪᠯᠡᠵᠤ᠂ | ᠰᠠᠭᠠᠯᠢ ᠶᠢᠨ ᠦᠨᠢᠶ᠎ᠡ ᠳᠡᠵᠢᠬᠡᠨ ᠦᠷᠡᠵᠢᠬᠦᠯᠬᠦ ᠬᠡᠪᠴᠢᠶ᠎ᠡ ᠶᠢ 2 ᠳᠦᠮᠡᠨ ᠳᠤᠯᠤᠭᠠᠢ ᠳᠤ ᠬᠦᠷᠬᠡᠨ᠂ 3 ᠳᠦᠮᠡᠨ | ᠳᠤᠨ ᠰᠦᠨ ᠬᠦᠴᠢᠯ ᠤᠨ ᠤᠮᠳᠠᠭᠠᠨ ᠤ ᠳᠦᠷᠦᠯ ᠵᠦᠢᠯ ᠡᠬᠢᠯᠡᠨ ᠪᠠᠶᠢᠭᠤᠯᠤᠭᠳᠠᠬᠤ ᠶᠢ ᠳᠦᠯᠬᠢᠨ ᠠᠬᠢᠭᠤᠯᠵᠤ᠂ | 2 ᠳᠦᠮᠡᠨ ᠳᠤᠨ ᠳᠡᠬᠡᠳᠤ ᠳᠡᠰ ᠤᠨ ᠨᠢᠯᠬ᠎ᠠ ᠬᠡᠦᠬᠡᠳ ᠤᠨ ᠰᠦᠨ ᠳᠠᠯᠬ᠎ᠠ ᠶᠢᠨ ᠳᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠦᠷᠨᠢᠬᠦᠯᠦᠨ᠎ᠡ᠃ ᠦᠪᠦᠷ ᠮᠤᠩᠭᠤᠯ ᠤᠨ ᠳ᠋ᠦᠩ ᠯᠠᠨ ᠺᠤᠮᠫᠠᠨᠢ ᠲᠠᠢ ᠬᠠᠮᠳᠤᠷᠠᠨ | ᠠᠵᠢᠯᠯᠠᠬᠤ ᠡᠷᠴᠢᠮ ᠢᠶᠠᠨ ᠴᠢᠩᠭᠠᠳᠬᠠᠵᠤ᠂ 60 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ ᠳᠠᠷᠢᠶᠠᠯᠠᠩ | ᠣᠢ ᠰᠢᠭᠤᠢ ᠮᠠᠯᠵᠢᠯ ᠤᠨ ᠰᠢᠯᠢᠳᠡᠭ ᠳᠦᠷᠦᠯ ᠤᠨ ᠤᠯᠠᠨ ᠤᠯᠤᠰ ᠤᠨ ᠬᠠᠮᠳᠤ ᠶᠢᠨ ᠠᠵᠢᠯᠯᠠᠭᠠᠨ ᠤ ᠠᠵᠤ | ᠦᠢᠯᠡᠰ ᠤᠨ ᠬᠦᠷᠢᠶᠡᠯᠡᠩ ᠤᠨ ᠳᠦᠷᠦᠯ ᠵᠦᠢᠯ ᠢ ᠬᠡᠷᠡᠭᠵᠢᠬᠦᠯᠵᠤ᠂ 3 ᠳᠦᠮᠡᠨ ᠮᠤ᠋ ᠦᠵᠦᠮ ᠳᠠᠷᠢᠬᠤ᠂ 12 | ᠳᠦᠮᠡᠨ ᠳᠤᠯᠤᠭᠠᠢ ᠦᠬᠡᠷ ᠬᠤᠨᠢ ᠳᠡᠵᠢᠬᠡᠬᠦ ᠵᠢᠴᠢ ᠬᠦᠨᠵᠡᠬᠡᠢ ᠡᠳ᠋ᠰᠢᠬᠦᠯᠬᠦ ᠪᠠ 1ᠳᠦᠮᠡᠨ ᠮᠤ᠋ ᠳᠦᠬᠦᠬᠡᠷᠦᠮᠵᠢᠳᠤ | ᠳᠠᠷᠢᠶᠠᠯᠠᠩ ᠤᠨ ᠰᠠᠭᠤᠷᠢᠨ ᠢ ᠡᠬᠢᠯᠡᠵᠤ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ ᠡᠯ᠎ᠡ ᠵᠦᠢᠯ ᠤᠨ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠦᠮᠡᠯᠢ ᠳᠠᠷᠢᠬᠤ ᠬᠡᠪᠴᠢᠶ᠎ᠡ ᠪᠠᠨ ᠦᠷᠬᠡᠳᠬᠡᠬᠦ ᠶᠢ ᠵᠤᠷᠢᠭᠵᠢᠭᠤᠯᠤᠨ᠂ | 500 ᠰᠠᠤᠷᠢ ᠳᠠᠷᠢᠮᠠᠯ ᠤᠨ ᠳᠤᠯᠠᠭᠠᠨ ᠬᠦᠯᠡᠮᠵᠢ᠂ 1500 ᠰᠠᠤᠷᠢ ᠱᠤᠯᠳᠤᠩ ᠰᠠᠷᠠᠪᠴᠢ᠂ 3000 ᠮᠤ᠋ ᠳᠠᠷᠢᠶ᠎ᠠ | ᠶᠢ ᠰᠢᠨ᠎ᠡ ᠪᠠᠷ ᠨᠡᠮᠡᠭᠳᠡᠬᠦᠯᠬᠦ ᠪᠠᠷ ᠳᠦᠯᠦᠪᠯᠡᠵᠤ᠂ ᠡᠪᠡᠰᠦᠨ ᠤ ᠠᠵᠤ ᠦᠢᠯᠡᠰ ᠤᠨ ᠳᠠᠷᠢᠮᠠᠯ ᠢ 5000 ᠮᠤ᠋ | ᠳᠦᠬᠦᠷᠵᠢᠬᠦᠯᠦᠨᠡ᠃ 8 ᠳᠦᠮᠡᠨ ᠮᠤ᠋ ᠴᠠᠭᠠᠨ ᠭᠤᠶᠤᠤ᠂ 3 ᠳᠦᠮᠡᠨ ᠮᠤ᠋ ᠤᠯᠠᠭᠠᠨ ᠭᠤᠶᠤᠤ ᠳᠠᠷᠢᠨ᠎ᠠ᠃ 2 | ᠳᠦᠮᠡᠨ ᠮᠤ᠋ ᠨᠠᠷᠠᠨ ᠬᠤᠸᠠᠷ ᠳᠠᠷᠢᠬᠤ᠂ ᠬᠤᠩ ᠶᠤᠸᠠᠨ ᠺᠤᠮᠫᠠᠨᠢ ᠶᠢᠨ 500 ᠮᠤ᠋ ᠦᠨᠦᠷᠳᠤ ᠤᠷᠭᠤᠮᠠᠯ ᠤᠨ | ᠳᠤᠷᠰᠢᠯᠳᠠ ᠶᠢᠨ ᠵᠢᠱᠢᠶ᠎ᠡ ᠦᠵᠡᠬᠦᠯᠬᠦ ᠵᠡᠷᠬᠡ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ | ᠠᠳᠬᠤᠵᠤ᠂ ᠴᠠᠭᠠᠨ ᠭᠤᠶᠤᠤ᠂ ᠤᠯᠠᠭᠠᠨ ᠭᠤᠶᠤᠤ᠂ ᠡᠯᠡᠰᠦᠨ ᠭᠠᠵᠠᠷ ᠤᠨ ᠦᠵᠦᠮ᠂ ᠴᠢᠨ᠋ᠸ᠎ᠠ ᠶᠢᠨ ᠬᠠᠷᠮᠠᠭ | ᠵᠡᠷᠬᠡ ᠡᠯᠡᠰᠦᠨ ᠤ ᠠᠵᠤ ᠦᠢᠯᠡᠰ ᠢ ᠳᠡᠯᠬᠡᠷᠡᠬᠦᠯᠬᠦ᠂ ᠦᠷᠬᠦᠯᠵᠢᠯᠡᠬᠦᠯᠬᠦ ᠪᠠ ᠨᠡᠬᠡᠬᠡᠨ ᠠᠰᠢᠭᠯᠠᠬᠤ ᠶᠢ ᠳᠦᠯᠬᠢᠨ | ᠠᠬᠢᠭᠤᠯᠤᠨ᠎ᠠ᠃ | ᠮᠠᠯᠴᠢᠨ ᠳᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠬᠡᠳᠬᠡᠨ᠎ᠡ᠃ ᠮᠠᠯᠴᠢᠨ ᠳᠠᠷᠢᠶᠠᠴᠢᠳ | ᠡᠯ᠎ᠡ ᠵᠦᠢᠯ ᠤᠨ ᠳᠤᠰᠬᠠᠢ ᠬᠤᠷᠰᠢᠶᠠᠵᠢᠯ ᠪᠠ ᠠᠵᠢᠯ ᠳᠦᠷᠦᠯ ᠤᠨ ᠨᠡᠶᠢᠬᠡᠮᠯᠢᠭ ᠲᠤ ᠤᠷᠤᠯᠴᠠᠬᠤ ᠶᠢ | ᠵᠢᠯᠤᠭᠤᠳᠴᠤ ᠵᠤᠷᠢᠭᠵᠢᠭᠤᠯᠤᠨ᠂ ᠠᠰᠢᠭ ᠳᠤᠰᠠ ᠪᠠᠨ ᠬᠤᠯᠪᠤᠯᠴᠠᠬᠤ ᠳᠤᠭᠳᠠᠴᠠ ᠶᠢ ᠳᠦᠷᠢᠮᠵᠢᠬᠦᠯᠦᠨ | ᠳᠡᠬᠦᠯᠳᠡᠷᠵᠢᠬᠦᠯᠵᠤ᠂ ᠡᠯ᠎ᠡ ᠵᠦᠢᠯ ᠤᠨ ᠮᠠᠯ ᠳᠠᠷᠢᠶᠠᠯᠠᠩ ᠳᠤ ᠬᠤᠯᠪᠤᠭᠳᠠᠬᠤ ᠪᠠ ᠶᠠᠳᠠᠭᠤ ᠶᠢ ᠳᠡᠳᠬᠦᠨ ᠨᠡᠬᠡᠬᠡᠯᠳᠡ | ᠬᠢᠬᠦ ᠳᠦᠷᠦᠯ ᠵᠦᠢᠯ ᠤᠨ ᠪᠡᠯᠡ ᠮᠦᠩᠬᠦ ᠶᠢ ᠨᠢᠬᠡᠳᠬᠡᠨ ᠨᠡᠶᠢᠯᠡᠬᠦᠯᠵᠤ᠂ ᠡᠯ᠎ᠡ ᠵᠦᠢᠯ ᠤᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠬᠦᠭᠵᠢᠨ ᠪᠤᠵᠠᠭᠠᠶᠢᠷᠠᠬᠤ ᠶᠢ ᠶᠡᠭᠡ ᠬᠦᠴᠦᠨ ᠢᠶᠠᠷ ᠳᠡᠮᠵᠢᠨ᠂ ᠮᠠᠯᠴᠢᠨ ᠳᠠᠷᠢᠶᠠᠴᠢᠨ | ᠤ ᠡᠵᠡᠩᠨᠡᠯᠳᠡ ᠶᠢᠨ ᠴᠢᠨᠠᠷ ᠲᠠᠢ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ | ᠰᠢᠷᠤᠢ᠂ ᠪᠠᠶᠢᠷᠢ ᠪᠡᠯᠴᠢᠬᠡᠷ ᠤᠨ ᠡᠷᠬᠢᠯᠳᠡ ᠶᠢ ᠢᠳᠡᠪᠬᠢᠳᠡᠢ ᠳᠦᠯᠬᠢᠨ ᠠᠬᠢᠭᠤᠯᠵᠤ᠂ ᠳᠠᠭᠠᠭᠠᠴᠢᠯᠠᠨ ᠡᠵᠡᠩᠨᠡᠬᠦ | ᠡᠷᠬᠡ ᠶᠢ ᠳᠤᠯᠤᠭᠠᠶᠢᠯᠠᠭᠴᠢ ᠠᠵᠤ ᠠᠬᠤᠶᠢᠯᠠᠯ᠂ ᠳᠤᠰᠬᠠᠢ ᠬᠤᠷᠰᠢᠶᠠᠵᠢᠯ᠂ ᠳᠠᠷᠢᠵᠤ ᠳᠡᠵᠢᠬᠡᠬᠦ ᠳᠤᠮᠤ ᠡᠷᠦᠬᠡ ᠳᠤ | ᠡᠷᠬᠢᠯᠳᠦᠬᠦᠯᠬᠦ ᠪᠠ ᠳᠦᠪᠯᠡᠷᠡᠬᠦᠯᠬᠦ ᠶᠢ ᠠᠬᠢᠭᠤᠯᠤᠨ᠂ ᠤᠯᠠᠨ ᠬᠡᠯᠪᠡᠷᠢ ᠶᠢᠨ ᠬᠡᠪᠴᠢᠶᠡᠵᠢᠭᠰᠡᠨ᠂ ᠡᠷᠴᠢᠮᠵᠢᠭᠰᠡᠨ | ᠡᠵᠩᠨᠡᠯᠳᠡ ᠶᠢ ᠬᠦᠭᠵᠢᠬᠦᠯᠵᠤ᠂ ᠮᠠᠯᠴᠢᠨ ᠳᠠᠷᠢᠶᠠᠴᠢᠳ ᠤᠨ ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠶᠢ | ᠨᠡᠮᠡᠭᠳᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠢᠯᠡᠬᠦᠴᠡ ᠬᠦᠳᠡᠯᠮᠦᠷᠢ ᠬᠦᠴᠦ ᠳᠤᠯᠤᠭᠠᠶᠢᠯᠠᠭᠴᠢ ᠠᠵᠤ | ᠠᠬᠤᠶᠢᠯᠠᠯ᠂ ᠳᠤᠰᠬᠠᠢ ᠬᠤᠷᠰᠢᠶᠠᠵᠢᠯ ᠤᠨ ᠦᠢᠯᠡᠳᠪᠦᠷᠢᠯᠡᠯ ᠡᠵᠡᠩᠨᠡᠯᠳᠡ ᠳᠤ ᠤᠷᠤᠯᠴᠠᠬᠤ ᠶᠢ ᠵᠤᠷᠢᠭᠵᠢᠭᠤᠯᠤᠨ᠂ | ᠮᠠᠯᠴᠢᠨ ᠳᠠᠷᠢᠶᠠᠴᠢᠨ ᠤ ᠴᠠᠯᠢᠩ ᠤᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ | ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠦᠪᠡᠷᠳᠡᠬᠡᠨ | ᠵᠠᠰᠠᠬᠤ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠨᠡᠶᠢᠬᠡᠮ ᠤᠨ ᠪᠠᠳᠤᠯᠠᠭᠠᠨ ᠤ《 ᠠᠷᠪᠠ ᠶᠢ ᠪᠦᠬᠦᠨ | ᠢᠶᠠᠷ ᠬᠠᠮᠤᠷᠬᠤ》 ᠶᠢ 3 ᠵᠢᠯ ᠤᠨ ᠬᠤᠭᠤᠴᠠᠭ᠎ᠠ ᠬᠡᠷᠡᠭᠰᠡᠨ ᠪᠡᠶᠡᠯᠡᠬᠦᠯᠬᠦ ᠶᠡᠷᠦᠩᠬᠡᠢ ᠱᠠᠭᠠᠷᠳᠠᠯᠭ᠎ᠠ ᠶᠤᠰᠤᠭᠠᠷ᠂ | ᠪᠠᠶᠢᠴᠠᠭᠠᠵᠤ ᠪᠠᠶᠢᠳᠠᠯ ᠢ ᠨᠢ ᠤᠶᠢᠯᠠᠭᠠᠬᠤ᠂ ᠡᠯ᠎ᠡ ᠵᠦᠢᠯ ᠤᠨ ᠳᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ᠂ | ᠳᠦᠷᠦᠯ ᠵᠦᠢᠯ ᠢ ᠳᠦᠯᠦᠪᠯᠡᠬᠦ ᠵᠡᠷᠬᠡ ᠰᠠᠭᠤᠷᠢ ᠴᠢᠨᠠᠷᠳᠠᠢ ᠠᠵᠢᠯ ᠢ ᠱᠠᠯᠠᠪᠳᠠᠨ ᠪᠡᠶᠡᠯᠡᠬᠦᠯᠵᠤ᠂ ᠳᠦᠷᠦᠯ ᠵᠦᠢᠯ | ᠢ ᠠᠬᠢᠭᠤᠯᠬᠤ ᠪᠠ ᠵᠤᠬᠢᠴᠠᠭᠤᠯᠬᠤ ᠳᠤᠭᠳᠠᠴᠠ ᠶᠢ ᠪᠠᠶᠢᠭᠤᠯᠵᠤ᠂ ᠳᠦᠷᠦᠯ ᠵᠦᠢᠯ ᠢ ᠮᠡᠳᠡᠬᠦᠯᠬᠦ ᠪᠠ ᠬᠡᠷᠡᠭᠵᠢᠬᠦᠯᠬᠦ | ᠪᠠᠨ ᠳᠦᠷᠬᠡᠳᠬᠡᠨ᠂ ᠡᠨᠡᠬᠦ ᠴᠢᠬᠤᠯᠠ ᠶᠡᠭᠡ ᠠᠷᠭ᠎ᠠ ᠬᠡᠮᠵᠢᠶ᠎ᠠ ᠪᠠᠷ ᠡᠷᠳᠡᠬᠡᠨ ᠪᠦᠬᠦ ᠬᠤᠰᠢᠭᠤᠨ ᠤ ᠮᠠᠯᠴᠢᠨ | ᠳᠠᠷᠢᠶᠠᠴᠢᠳ ᠲᠤ ᠠᠰᠢᠭ ᠬᠦᠷᠳᠡᠬᠡᠨ᠎ᠠ᠃ ᠤᠨᠳᠤᠷᠤᠯᠳᠤ ᠪᠠᠯᠭᠠᠰᠤᠨ ᠤ ᠪᠠᠷᠠᠭᠤᠨᠬᠦ᠋ᠳᠡᠭᠡ ᠭᠠᠴᠠᠭ᠎ᠠ ᠵᠡᠷᠬᠡ 13 | ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠤ ᠵᠢᠱᠢᠶ᠎ᠡ ᠦᠵᠡᠬᠦᠯᠬᠦ ᠴᠡᠭ ᠤᠨ ᠪᠦᠳᠦᠬᠡᠨ ᠪᠠᠶᠢᠭᠤᠯᠤᠯᠳᠠ ᠶᠢ | ᠳᠦᠯᠬᠢᠨ ᠠᠬᠢᠭᠤᠯᠵᠤ᠂ ᠭᠠᠴᠠᠭ᠎ᠠ ᠳᠤᠰᠬᠤᠨ ᠱᠠᠳᠤᠨ ᠤ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠤᠨ《 | ᠤᠴᠢᠷ ᠨᠢᠬᠡᠪᠦᠷᠢ ᠶᠢ ᠳᠤᠰᠬᠠᠢ ᠵᠦᠪᠳᠡᠬᠦ》ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ ᠳᠦᠷᠦᠯ ᠵᠦᠢᠯ ᠢ | ᠬᠡᠷᠡᠭᠵᠢᠬᠦᠯᠵᠤ᠂ ᠰᠠᠭᠤᠷᠢᠰᠢᠬᠤ ᠤᠷᠴᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠦᠨ᠂ ᠮᠠᠯᠵᠢᠬᠤ | ᠳᠠᠷᠢᠶᠠᠯᠠᠬᠤ ᠤᠷᠤᠨ ᠤ ᠤᠷᠴᠢᠨ ᠳᠤᠭᠤᠷᠢᠨ ᠤ ᠪᠠᠶᠢᠳᠠᠯ ᠢ ᠶᠡᠬᠡᠪᠡᠷ ᠰᠠᠶᠢᠵᠢᠷᠠᠭᠤᠯᠵᠤ᠂ ᠪᠦᠬᠦ ᠬᠤᠰᠢᠭᠤᠨ ᠤ | ᠮᠠᠯᠵᠢᠬᠤ ᠳᠠᠷᠢᠶᠠᠯᠠᠬᠤ ᠤᠷᠤᠨ ᠤ ᠳᠦᠷᠬᠦ ᠪᠠᠶᠢᠳᠠᠯ ᠢ ᠮᠡᠳᠡᠭᠳᠡᠮ᠎ᠡ ᠰᠠᠶᠢᠵᠢᠷᠠᠭᠤᠯᠤᠨ᠎ᠠ᠃ | ︵ᠳᠦᠷᠪᠡ︶ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠂ ᠭᠤᠷᠪᠠᠳᠤᠭᠠᠷ ᠠᠵᠤ ᠦᠢᠯᠡᠰ ᠤᠨ | ᠳᠦᠷᠬᠡᠨ ᠬᠦᠭᠵᠢᠯᠳᠡ ᠶᠢ ᠳᠠᠶᠢᠴᠢᠯᠠᠨ᠎ᠠ᠃ | ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ᠂ ᠬᠡᠷᠡᠭᠯᠡᠭᠡ ᠶᠢ ᠦᠷᠬᠡᠳᠬᠡᠬᠦ ᠪᠠᠷ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠦᠭᠵᠢᠯᠳᠡ ᠶᠢ ᠳᠦᠯᠬᠢᠨ ᠠᠬᠢᠭᠤᠯᠬᠤ ᠬᠦᠴᠦᠳᠡᠢ ᠠᠷᠭ᠎ᠠ ᠬᠡᠮᠵᠢᠶ᠎ᠡ ᠪᠤᠯᠭᠠᠵᠤ᠂ ᠠᠷᠭ᠎ᠠ ᠪᠦᠬᠦᠨ ᠢ | ᠰᠦᠪᠡᠭᠴᠢᠯᠡᠨ ᠵᠢᠭᠤᠯᠴᠢᠯᠠᠯ ᠢ ᠬᠦᠭᠵᠢᠬᠡᠵᠤ᠂ ᠠᠷᠠᠯᠵᠢᠶ᠎ᠠ ᠬᠤᠳᠠᠯᠳᠤᠭ᠎ᠠ ᠶᠢ ᠠᠮᠢᠵᠢᠷᠠᠭᠤᠯᠤᠨ᠂ ᠬᠡᠷᠡᠭᠯᠡᠭᠡ ᠶᠢ | ᠠᠬᠢᠭᠤᠯᠵᠤ᠂ ᠮᠠᠨ ᠤ ᠬᠤᠰᠢᠭᠤ ᠪᠠᠨ ᠳᠠᠯ᠎ᠠ ᠨᠤᠳᠤᠭ ᠤᠨ ᠰᠤᠶᠤᠯ ᠢ ᠬᠠᠷᠠᠭᠤᠯᠤᠭᠰᠠᠨ᠂ ᠤᠮᠠᠷᠠᠳᠤ ᠬᠢᠵᠠᠭᠠᠷ | ᠤᠨ ᠦᠪᠡᠷᠮᠢᠴᠡ ᠤᠨᠴᠠᠯᠢᠭ ᠢ ᠪᠦᠷᠢᠯᠳᠦᠬᠦᠯᠦᠭᠰᠡᠨ ᠳᠤᠭᠤᠷᠢᠨ ᠵᠢᠭᠤᠯᠴᠢᠯᠠᠬᠤ ᠰᠡᠯᠡᠬᠦᠴᠡᠯ ᠠᠮᠠᠷᠠᠯᠳᠠ ᠶᠢᠨ | ᠰᠠᠭᠤᠷᠢᠨ ᠭᠠᠵᠠᠷ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠴᠢᠷᠮᠠᠶᠢᠨ ᠳᠡᠬᠡᠭᠰᠢᠯᠡᠬᠦᠯᠦᠨ᠎ᠡ᠃ | ᠪᠠᠶᠠᠨᠬᠤᠳᠠ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠪᠠ ᠳᠠᠶᠢᠰᠢ ᠶᠢᠨ ᠪᠤᠳᠠᠰ ᠤᠨ ᠬᠦᠢᠯᠬᠡᠬᠡᠨ ᠤ | ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠂ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ | ᠨᠡᠬᠡᠬᠡᠯᠳᠡ ᠶᠢᠨ ᠤᠷᠤᠨ ᠤ ᠪᠤᠳᠠᠰ ᠤᠨ ᠬᠦᠢᠯᠬᠡᠬᠡᠨ ᠤ ᠬᠦᠷᠢᠶᠡᠯᠡᠩ ᠢ ᠡᠬᠢᠯᠡᠨ ᠪᠠᠶᠢᠭᠤᠯᠬᠤ ᠶᠢ ᠳᠦᠯᠬᠢᠨ | ᠠᠬᠢᠭᠤᠯᠵᠤ᠂ ᠭᠤᠤᠯ ᠴᠤᠭᠴᠠ ᠨᠢ ᠤᠯᠠᠨ ᠡᠰᠢᠵᠢᠭᠰᠡᠨ᠂ ᠳᠤᠬᠠᠶᠢᠯᠠᠭᠰᠠᠨ ᠠᠵᠢᠯ ᠨᠢ ᠤᠯᠠᠨ ᠶᠠᠩᠵᠤ ᠲᠠᠢ᠂ | ᠪᠠᠶᠢᠷᠢᠰᠢᠯ ᠨᠢ ᠵᠤᠬᠢᠰᠳᠠᠢ᠂ ᠦᠷᠢᠰᠦᠯᠳᠦᠬᠡᠨ ᠨᠢ ᠡᠮᠬᠢ ᠴᠡᠭᠴᠡ ᠲᠠᠢ ᠤᠳᠤᠬᠢᠴᠢᠯᠠᠭᠰᠠᠨ ᠪᠤᠳᠠᠰ ᠤᠨ ᠬᠦᠢᠯᠬᠡᠬᠡᠨ | ᠤ ᠳᠤᠤᠷᠵᠢᠯ ᠢ ᠴᠢᠷᠮᠠᠶᠢᠨ ᠪᠦᠷᠢᠯᠳᠦᠬᠦᠯᠦᠨ᠎ᠡ᠃ ᠢᠳᠡᠬᠡᠨ ᠤᠮᠳᠠᠭᠠᠨ᠂ ᠪᠠᠭᠤᠳᠠᠯ᠂ ᠨᠠᠭᠠᠳᠤᠮ ᠰᠡᠯᠡᠬᠦᠴᠡᠯ ᠵᠢᠴᠢ | ᠠᠳᠠᠯ ᠠᠬᠤᠢ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠢᠳᠡᠪᠬᠢᠳᠡᠢ ᠳᠡᠮᠵᠢᠨ᠎ᠡ᠃ | ᠴᠤᠭᠯᠠᠭ᠎ᠠ ᠮᠠᠶᠢᠮᠠᠢ ᠶᠢᠨ ᠵᠠᠬ᠎ᠠ ᠳᠡᠯᠬᠡᠬᠦᠷ ᠢ ᠦᠬᠡᠷᠡᠴᠢᠯᠡᠨ ᠵᠠᠰᠠᠵᠤ ᠳᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠤ᠂ | ᠬᠤᠶᠠᠷ ᠬᠠᠭᠤᠴᠢᠨ ᠵᠠᠬ᠎ᠠ ᠳᠡᠯᠬᠡᠬᠦᠷ ᠲᠤ ᠳᠤᠰᠬᠠᠢ ᠵᠠᠰᠠᠨ ᠦᠬᠡᠷᠡᠴᠢᠯᠡᠯᠳᠡ ᠬᠢᠵᠤ᠂ ᠭᠡᠷᠡᠭᠯᠡᠭᠴᠢᠳ ᠤᠨ | ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠳᠤᠰᠬᠠᠢ ᠵᠠᠬ᠎ᠠ ᠳᠡᠯᠬᠡᠬᠦᠷ ᠢ ᠳᠦᠯᠦᠪᠯᠡᠨ ᠪᠦᠳᠦᠬᠡᠨ | ᠪᠠᠶᠢᠭᠤᠯᠤᠨ᠎ᠠ᠃《 ᠮᠢᠩᠭ᠎ᠠ ᠳᠦᠮᠡᠨ ᠬᠦᠳᠡᠭᠡ ᠳᠤᠰᠬᠤᠨ ᠤ ᠵᠠᠬ᠎ᠠ ᠳᠡᠯᠬᠡᠬᠦᠷ》 ᠤᠨ ᠢᠨᠵᠧᠨᠧᠷᠢᠩ᠂ ᠰᠢᠨ᠎ᠡ | ᠳᠤᠤᠷᠵᠢᠯ ᠤᠨ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂《 ᠳᠠᠷᠢᠶᠠᠴᠢᠳ ᠢ ᠬᠡᠳᠤ ᠳᠡᠯᠬᠡᠬᠦᠷ ᠲᠠᠢ | ᠬᠤᠯᠪᠤᠬᠤ》ᠪᠠ ᠢᠳᠡᠰᠢᠨ ᠨᠤᠭᠤᠭ᠎ᠠ ᠶᠢ ᠰᠢᠭᠤᠳ ᠪᠤᠷᠤᠯᠠᠭᠤᠯᠬᠤ ᠳᠡᠯᠬᠡᠬᠦᠷ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠤᠨ᠎ᠠ᠃ ᠰᠤᠮᠤ ᠪᠠᠯᠭᠠᠰᠤᠨ ᠠᠴᠠ ᠳᠠᠷᠢᠶᠠᠯᠠᠬᠤ ᠤᠷᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠬᠡᠬᠦᠷ ᠢ | ᠪᠠᠶᠢᠭᠤᠯᠵᠤ ᠵᠠᠰᠠᠬᠤ ᠪᠠ ᠵᠠᠰᠠᠮᠠᠯ ᠵᠠᠮ ᠳᠠᠭᠠᠤ᠂ ᠱᠤᠭᠤᠮ ᠳᠠᠭᠠᠤ ᠦᠢᠯᠡᠴᠢᠯᠡᠬᠡᠨ ᠤ ᠦᠢᠯᠡᠰ ᠬᠦᠭᠵᠢᠬᠦᠯᠬᠦ ᠶᠢ | ᠳᠡᠮᠵᠢᠨ᠎ᠡ᠃ ᠠᠯᠠᠱᠠ ᠶᠢᠨ ᠬᠠᠴᠢᠨ ᠴᠢᠯᠠᠭᠤ ᠪᠠ ᠠᠯᠠᠱᠠ ᠬᠠᠰ ᠤᠨ ᠠᠵᠤ ᠦᠢᠯᠡᠰ ᠤᠨ ᠬᠦᠭᠵᠢᠯᠳᠡ ᠶᠢ | ᠢᠳᠡᠪᠬᠢᠳᠡᠢ ᠳᠡᠮᠵᠢᠵᠤ᠂ ᠠᠯᠠᠱᠠ ᠬᠠᠰ ᠤᠨ ᠪᠠᠷᠢᠮᠵᠢᠶ᠎ᠠ ᠶᠢ ᠳᠤᠭᠳᠠᠭᠠᠬᠤ ᠠᠵᠢᠯ ᠢ ᠳᠠᠭᠤᠰᠬᠠᠵᠤ᠂ ᠠᠯᠠᠱᠠ ᠶᠢᠨ | ᠬᠠᠴᠢᠨ ᠴᠢᠯᠠᠭᠤ ᠪᠠ ᠠᠯᠠᠱᠠ ᠬᠠᠰ ᠤᠨ ᠰᠤᠶᠤᠯ ᠤᠨ ᠠᠵᠤ ᠦᠢᠯᠡᠰ ᠤᠨ ᠬᠦᠭᠵᠢᠯᠳᠡ ᠰᠢᠨ᠎ᠡ ᠳᠡᠭᠳᠡᠷ ᠲᠤ | ᠭᠠᠷᠬᠤ ᠶᠢ ᠳᠦᠯᠬᠢᠨ ᠠᠬᠢᠭᠤᠯᠤᠨ᠎ᠠ᠃ ᠨᠢᠭᠳᠠᠯᠠᠨ ᠪᠤᠳᠤᠭᠴᠢ᠂ ᠬᠠᠤᠯᠢᠴᠢ᠂ ᠦᠨᠡᠯᠡᠨ ᠵᠢᠱᠢᠬᠦ ᠵᠡᠷᠬᠡ ᠡᠯ᠎ᠡ ᠵᠦᠢᠯ | ᠤᠨ ᠵᠠᠭᠤᠴᠢ ᠦᠢᠯᠡᠴᠢᠯᠡᠬᠡᠨ ᠤ ᠳᠤᠭᠳᠠᠴᠠ ᠶᠢ ᠢᠳᠡᠪᠬᠢᠳᠡᠢ ᠳᠠᠳᠠᠨ ᠤᠷᠤᠭᠤᠯᠵᠤ᠂ ᠭᠤᠷᠪᠠᠳᠠᠬᠢ ᠳᠠᠯ᠎ᠠ ᠶᠢᠨ | ᠦᠢᠯᠡᠴᠢᠯᠡᠬᠡᠨ ᠤ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ | 《 ᠵᠢᠭᠤᠯᠴᠢᠯᠠᠯ ᠤᠨ ᠳᠡᠮᠳᠡᠭ 》 ᠢ ᠦᠷᠬᠦᠯᠵᠢᠯᠡᠨ ᠰᠠᠶᠢᠳᠤᠷ ᠬᠦᠭᠵᠢᠬᠦᠯᠦᠨ᠎ᠡ᠃ ᠠᠯᠠᠱᠠ ᠬᠠᠰ · ᠬᠠᠴᠢᠨ | ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠬᠡᠬᠡᠷ᠎ᠡ ᠳᠤᠭᠤᠯᠬᠤ e ᠬᠤᠯᠪᠤᠭᠠᠨ ᠤ ᠠᠯᠠᠱᠠ ᠳᠠᠬᠢ | ᠪᠠᠭᠠᠳᠤᠷᠴᠤᠳ ᠤᠨ ᠴᠤᠭᠯᠠᠭᠠᠨ ᠪᠠ ᠳᠡᠮᠡᠬᠡᠨ ᠤ ᠨᠠᠭᠠᠳᠤᠮ ᠤᠨ ᠬᠤᠷᠠᠯ ᠢ ᠰᠠᠶᠢᠳᠤᠷ ᠡᠷᠬᠢᠯᠡᠵᠤ᠂ ᠳᠤᠮᠳᠠᠳᠤ | ᠤᠯᠤᠰ ᠤᠨ ᠬᠡᠬᠡᠷᠡᠯᠡᠭᠴᠢ ᠮᠠᠰᠢᠨ ᠳᠡᠷᠬᠡᠨ ᠤ ᠳᠡᠰᠪᠦᠷᠢᠳᠤ ᠤᠷᠤᠯᠳᠤᠭᠠᠨ ᠢ ᠰᠠᠶᠢᠳᠤᠷ ᠳᠠᠭᠠᠭᠠᠨ ᠡᠷᠬᠢᠯᠡᠵᠤ᠂ | ᠤᠯᠠᠨ ᠤᠯᠤᠰ ᠤᠨ ᠮᠠᠰᠢᠨ ᠳᠡᠷᠬᠡᠨ ᠤ ᠳᠡᠰᠪᠦᠷᠢᠳᠤ ᠤᠷᠤᠯᠳᠤᠭᠠᠨ ᠢ ᠰᠠᠶᠢᠳᠤᠷ ᠪᠡᠯᠡᠳᠬᠡᠨ ᠡᠷᠬᠢᠯᠡᠨ᠎ᠡ᠃ | ᠠᠭᠠᠷ ᠤᠨ ᠠᠶᠠᠯᠠᠯ ᠤᠨ ᠪᠤᠯᠪᠠᠰᠤᠷᠠᠯ ᠤᠨ ᠰᠤᠷᠭᠠᠭᠤᠯᠢ᠂ ᠠᠭᠠᠷ ᠤᠨ ᠠᠶᠠᠯᠠᠯ ᠤᠨ ᠺᠯᠦ᠋ᠪ᠂ ᠬᠡᠬᠡᠷ᠎ᠡ ᠳᠤᠭᠤᠯᠬᠤ | e ᠬᠤᠯᠪᠤᠭᠠᠨ ᠤ ᠮᠠᠰᠢᠨ ᠳᠡᠷᠬᠡᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠬᠡ ᠳᠦᠷᠦᠯ ᠵᠦᠢᠯ | ᠡᠷᠳᠡᠬᠡᠨ ᠪᠠᠶᠢᠭᠤᠯᠵᠤ ᠡᠬᠢᠯᠡᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ | ᠳᠦᠯᠦᠪᠵᠢᠬᠦᠯᠬᠡ ᠶᠢ ᠳᠡᠬᠦᠯᠳᠡᠷᠵᠢᠬᠦᠯᠵᠤ᠂ ᠱᠠᠰᠢᠨ ᠢ ᠪᠠᠳᠠᠷᠠᠭᠤᠯᠤᠭᠴᠢ ᠰᠦᠮ᠎ᠡ ᠶᠢᠨ ᠵᠢᠭᠤᠯᠴᠢᠯᠠᠯ ᠤᠨ | ᠦᠵᠡᠮᠵᠢ ᠶᠢᠨ ᠤᠷᠤᠨ ᠢ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠤ᠂ ᠪᠤᠶᠠᠨ ᠢ | ᠦᠨᠳᠦᠰᠦᠯᠡᠭᠴᠢ ᠰᠦᠮ᠎ᠡ ᠶᠢᠨ ᠵᠢᠭᠤᠯᠴᠢᠯᠠᠯ ᠤᠨ ᠤᠷᠤᠨ ᠢ ᠤᠯᠤᠰ ᠤᠨ 4A ᠳᠡᠰ ᠤᠨ ᠦᠵᠡᠮᠵᠢ ᠶᠢᠨ | ᠤᠷᠤᠨ ᠪᠤᠯᠭᠠᠬᠤ ᠪᠠᠷ ᠮᠡᠳᠡᠬᠦᠯᠬᠦ ᠠᠵᠢᠯ ᠢ ᠢᠳᠡᠪᠬᠢᠳᠡᠢ ᠦᠷᠨᠢᠬᠦᠯᠵᠤ᠂ ᠳᠤᠩᠬᠤ ᠨᠠᠭᠤᠷ᠂ ᠤᠯᠠᠭᠠᠨ ᠨᠠᠭᠤᠷ᠂ | ᠬᠠᠯᠳᠠᠷ ᠨᠠᠭᠤᠷ᠂ ᠤᠯᠠᠨᠪᠤᠯᠠᠭ ᠤᠨ ᠦᠵᠡᠮᠵᠢ ᠶᠢᠨ ᠤᠷᠤᠨ ᠤ ᠰᠠᠭᠤᠷᠢ ᠳᠦᠬᠦᠬᠡᠷᠦᠮᠵᠢ ᠪᠠ ᠦᠢᠯᠡᠴᠢᠯᠡᠬᠡᠨ ᠤ | ᠴᠢᠳᠠᠪᠬᠢ ᠶᠢ ᠦᠷᠬᠦᠯᠵᠢᠯᠡᠨ ᠳᠡᠬᠦᠯᠳᠡᠷᠵᠢᠬᠦᠯᠵᠤ᠂ ᠤᠶᠢᠷ᠎ᠠ ᠬᠠᠪᠢ ᠶᠢᠨ ᠭᠠᠵᠠᠷ ᠤᠷᠤᠨ ᠯᠤᠭ᠎ᠠ ᠶᠢᠨ ᠵᠢᠭᠤᠯᠴᠢᠯᠠᠯ | ᠤᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠤᠨ ᠰᠢᠵᠢᠷ ᠵᠠᠮ ᠪᠠ ᠰᠤᠳᠤᠨ ᠱᠤᠭᠤᠮ ᠢ ᠬᠠᠮᠳᠤᠪᠠᠷ | ᠡᠬᠦᠳᠦᠨ᠎ᠡ᠃ ᠬᠠᠭᠤᠴᠢᠨ ᠪᠠᠷᠢᠯᠭ᠎ᠠ ᠶᠢᠨ ᠬᠠᠮᠠᠭᠠᠯᠠᠯᠳᠠ ᠶᠢᠨ ᠡᠷᠴᠢᠮ ᠢᠶᠠᠨ ᠨᠡᠮᠡᠭᠳᠡᠬᠦᠯᠵᠤ᠂ ᠪᠤᠶᠠᠨ ᠢ | ᠠᠷᠪᠢᠳᠬᠠᠭᠴᠢ ᠰᠦᠮ᠎ᠡ ᠶᠢ ᠬᠠᠮᠠᠭᠠᠯᠠᠵᠤ ᠰᠡᠯᠪᠢᠨ ᠵᠠᠰᠠᠬᠤ ᠶᠢ ᠪᠡᠶᠡᠯᠡᠬᠦᠯᠦᠨ᠎ᠡ᠃《 ᠨᠤᠮᠢᠨ ᠳᠠᠯᠠᠢ ᠮᠠᠯᠴᠢᠨ ᠤ | ᠳᠠᠭᠤᠯᠠᠯ》 ᠤᠯᠠᠨᠪᠤᠯᠠᠭ ᠤᠨ ᠠᠮᠢ ᠠᠬᠤᠢ ᠶᠢᠨ ᠵᠢᠭᠤᠯᠴᠢᠯᠠᠯ ᠠᠮᠠᠷᠠᠯᠳᠠ ᠶᠢᠨ ᠤᠷᠤᠨ ᠤ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠰᠢᠨ᠎ᠡ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠤᠢ ᠪᠤᠯᠭᠠᠨ᠎ᠠ᠃ | ᠦᠨᠳᠦᠰᠦᠳᠡᠨ᠂ ᠠᠷᠠᠳ ᠤᠨ ᠵᠠᠩ ᠦᠢᠯᠡ ᠰᠤᠶᠤᠯ ᠤᠨ ᠡᠬᠦᠰᠦᠮᠡᠯ ᠵᠦᠢᠯ ᠪᠠ ᠵᠢᠭᠤᠯᠴᠢᠯᠠᠯ ᠤᠨ | ᠪᠦᠳᠦᠬᠡᠭᠳᠡᠬᠦᠨ ᠢ ᠨᠡᠬᠡᠬᠡᠨ ᠬᠦᠭᠵᠢᠬᠦᠯᠬᠦ ᠶᠢ ᠳᠦᠷᠬᠡᠳᠬᠡᠨ᠂ ᠤᠬᠠᠭᠤᠯᠵᠤ ᠡᠵᠡᠩᠨᠡᠨ ᠪᠤᠷᠤᠯᠠᠭᠤᠯᠬᠤ ᠬᠡᠯᠪᠡᠷᠢ | ᠪᠠᠨ ᠰᠢᠨᠡᠳᠬᠡᠨ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠪᠠᠭᠤᠷᠠᠢ ᠳᠠᠯ᠎ᠠ ᠪᠠᠨ ᠨᠦᠬᠦᠪᠦᠷᠢᠯᠡᠨ᠎ᠡ᠃ | ᠤᠨᠴᠠᠯᠢᠭᠳᠤ ᠮᠠᠯᠴᠢᠨ ᠳᠠᠷᠢᠶᠠᠴᠢᠨ ᠠᠶᠢᠯ ᠤᠨ ᠵᠢᠭᠤᠯᠴᠢᠯᠠᠯ ᠤᠨ ᠬᠦᠭᠵᠢᠯᠳᠡ ᠶᠢ ᠳᠡᠮᠵᠢᠵᠤ᠂ ᠳᠠᠷᠢᠶᠠᠴᠢᠨ ᠠᠶᠢᠯ | ᠤᠨ ᠪᠠᠶᠠᠰᠤᠯ᠂ ᠮᠠᠯᠴᠢᠨ ᠠᠶᠢᠯ ᠤᠨ ᠵᠢᠭᠤᠯᠴᠢᠯᠠᠯ ᠤᠨ ᠬᠠᠮᠢᠶᠠᠷᠤᠯᠳᠠ ᠪᠠᠨ ᠳᠦᠷᠢᠮᠵᠢᠬᠦᠯᠦᠨ᠂《 ᠬᠤᠱᠤᠳ | ᠮᠤᠩᠭᠤᠯ ᠠᠶᠢᠯ ᠤᠨ ᠵᠢᠭᠤᠯᠴᠢᠯᠠᠯ》 ᠤᠨ ᠨᠡᠷᠡᠳᠤ ᠳᠡᠮᠳᠡᠭ ᠢ ᠪᠤᠢ ᠪᠤᠯᠭᠠᠨ᠎ᠠ᠃ | ᠭᠠᠳᠠᠭᠠᠳᠤ ᠰᠤᠯᠢᠯᠴᠠᠭ᠎ᠠ ᠬᠠᠮᠳᠤᠷᠠᠯᠴᠠᠭᠠᠨ ᠤ ᠬᠢᠷᠢ ᠳᠦᠪᠰᠢᠨ ᠢᠶᠠᠨ ᠳᠡᠬᠡᠭᠰᠢᠯᠡᠬᠦᠯᠦᠨ᠎ᠡ᠃ ᠤᠶᠢᠷ᠎ᠠ ᠵᠡᠷᠬᠡᠯᠳᠡᠭᠡ | ᠭᠠᠵᠠᠷ ᠤᠷᠤᠨ ᠯᠤᠭ᠎ᠠ ᠶᠢᠨ ᠠᠵᠤ ᠠᠬᠤᠢ᠂ ᠰᠤᠶᠤᠯ ᠵᠡᠷᠬᠡ ᠡᠯ᠎ᠡ ᠳᠠᠯ᠎ᠠ ᠪᠠᠷ ᠬᠢ ᠰᠤᠯᠢᠯᠴᠠᠭ᠎ᠠ ᠬᠠᠮᠳᠤᠷᠠᠯᠴᠠᠭ᠎ᠠ | ᠪᠠᠨ ᠴᠢᠩᠭᠠᠳᠬᠠᠵᠤ᠂ ᠰᠢᠨ᠎ᠡ ᠳᠤᠷᠭᠠᠨ ᠵᠠᠮ ᠤᠨ ᠠᠵᠤ ᠠᠬᠤᠢ ᠶᠢᠨ ᠪᠦᠰᠡ ᠲᠠᠢ ᠢᠳᠡᠪᠬᠢᠳᠡᠢ ᠤᠶᠠᠯᠳᠤᠨᠠ᠃ | ᠦᠯᠵᠡᠢ — ᠴᠠᠭᠠᠨ ᠳᠡᠯ ᠠᠭᠤᠯᠠ ᠪᠤᠭᠤᠮᠳᠠ ᠶᠢ ᠨᠡᠬᠡᠬᠡᠭᠳᠡᠬᠦᠯᠬᠦ ᠪᠠᠷ ᠭᠤᠶᠤᠴᠢᠯᠠᠨ ᠮᠡᠳᠡᠬᠦᠯᠬᠦ ᠠᠵᠢᠯ ᠢ | ᠬᠦᠴᠦᠳᠡᠢ ᠠᠬᠢᠭᠤᠯᠵᠤ᠂ ᠨᠡᠩ ᠢᠳᠡᠪᠬᠢᠳᠡᠢ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠪᠤᠭᠤᠮᠳᠠ ᠶᠢ | ᠭᠤᠶᠤᠴᠢᠯᠠᠨ ᠮᠡᠳᠡᠬᠦᠯᠬᠦ ᠱᠠᠳᠤᠨ ᠠᠴᠠ ᠪᠦᠳᠦᠬᠡᠨ ᠪᠠᠶᠢᠭᠤᠯᠬᠤ ᠱᠠᠳᠤᠨ ᠳᠤ ᠤᠷᠤᠭᠤᠯᠬᠤ ᠶᠢ ᠠᠬᠢᠭᠤᠯᠤᠨ᠂ | ᠮᠠᠨ ᠤ ᠬᠤᠰᠢᠭᠤ ᠪᠠᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ ᠪᠦᠳᠦᠬᠡᠨ ᠪᠠᠶᠢᠭᠤᠯᠬᠤ ᠪᠠᠷ | ᠴᠢᠷᠮᠠᠶᠢᠨ᠎ᠠ᠃ ᠳᠤᠮᠳᠠᠳᠤ ᠮᠤᠩᠭᠤᠯ ᠤᠨ ᠤᠷᠴᠢᠯᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠢ | ᠳᠦᠯᠦᠪᠵᠢᠬᠦᠯᠦᠨ ᠪᠦᠳᠦᠬᠡᠨ ᠪᠠᠶᠢᠭᠤᠯᠬᠤ ᠪᠠᠨ ᠲᠦᠷᠭᠡᠳᠬᠡᠨ ᠠᠬᠢᠭᠤᠯᠵᠤ᠂ ᠣᠯᠣᠰ ᠤᠨ ᠶᠡᠷᠦᠩᠬᠡᠶᠢᠯᠡᠭᠰᠡᠨ | ᠭᠠᠶᠢᠯᠢ ᠪᠠᠳᠤᠯᠠᠬᠤ ᠤᠷᠤᠨ ᠢ ᠪᠠᠶᠢᠭᠤᠯᠬᠤ ᠡᠯ᠎ᠡ ᠳᠦᠷᠦᠯ ᠤᠨ ᠡᠮᠦᠨᠡᠬᠢ ᠬᠤᠭᠤᠴᠠᠭᠠᠨ ᠤ ᠠᠵᠢᠯ ᠢ | ᠦᠷᠨᠢᠬᠦᠯᠦᠨ᠂ ᠪᠠᠷᠠᠭᠤᠨ ᠤᠷᠤᠨ ᠤ ᠴᠢᠬᠤᠯᠠ ᠳᠡᠮᠦᠷᠯᠢᠭ ᠬᠠᠶᠢᠯᠤᠭᠤᠯᠬᠤ᠂ ᠳᠤᠨᠤᠭᠯᠠᠯ ᠦᠢᠯᠡᠳᠬᠦ᠂ ᠰᠢᠨ᠎ᠡ | ᠬᠡᠯᠪᠡᠷᠢ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠤᠢ ᠪᠤᠯᠭᠠᠨ᠎ᠠ᠃ | ︵ᠳᠠᠪᠤ︶ ᠬᠤᠳᠠ ᠬᠦᠳᠡᠭᠡ ᠶᠢ ᠨᠢᠬᠡᠳᠦᠯᠳᠡᠢ ᠳᠦᠯᠦᠪᠵᠢᠬᠦᠯᠬᠦ ᠶᠢ ᠴᠢᠬᠤᠯᠠᠴᠢᠯᠠᠵᠤ᠂ ᠰᠠᠭᠤᠷᠢᠰᠢᠬᠤ | ᠵᠢᠭᠤᠯᠴᠢᠯᠠᠬᠤ ᠳᠤ ᠳᠤᠬᠢᠷᠠᠮᠵᠢᠳᠠᠢ ᠬᠤᠳᠠ ᠶᠢ ᠳᠦᠷᠬᠡᠳᠬᠡᠨ ᠪᠠᠶᠢᠭᠤᠯᠤᠨ᠎ᠠ᠃ | ᠤᠯᠤᠰ᠂ ᠦᠪᠡᠷᠳᠡᠬᠡᠨ ᠵᠠᠰᠬᠠᠤ ᠤᠷᠤᠨ ᠠᠴᠠ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠬᠢᠴᠠ ᠶᠢ | ᠳᠦᠷᠬᠡᠳᠬᠡᠬᠦ ᠠᠰᠢᠭᠳᠠᠢ ᠳᠤᠬᠢᠶᠠᠯ ᠢ ᠠᠳᠬᠤᠵᠤ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ | ᠳᠦᠯᠦᠪᠵᠢᠬᠦᠯᠬᠦ ᠳᠡᠬᠡᠷ᠎ᠡ ᠬᠦᠴᠦ ᠪᠠᠨ ᠳᠠᠯᠪᠢᠵᠤ᠂ ᠬᠤᠳᠠ ᠪᠠᠯᠭᠠᠰᠤᠵᠢᠯᠳᠠ ᠶᠢᠨ ᠬᠦᠭᠵᠢᠯᠳᠡ ᠶᠢᠨ ᠬᠢᠷᠢ | ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ | ᠬᠤᠳᠠ ᠪᠠᠯᠭᠠᠰᠤᠨ ᠤ ᠳᠦᠯᠦᠪᠵᠢᠬᠦᠯᠬᠡ ᠶᠢᠨ ᠬᠢᠷᠢ ᠳᠦᠪᠰᠢᠨ ᠢᠶᠠᠨ ᠳᠡᠬᠡᠭᠰᠢᠯᠡᠬᠦᠯᠦᠨ᠎ᠡ᠃《 ᠪᠠᠶᠠᠨᠬᠤᠳᠠ ᠶᠢᠨ | ᠬᠤᠳᠠ ᠶᠢᠨ ᠵᠢᠷᠤᠭ ᠳᠦᠯᠦᠪᠯᠡᠭᠡ》᠂《 ᠠᠯᠠᠱᠠ ᠵᠡᠬᠦᠨ ᠬᠤᠰᠢᠭᠤᠨ ᠤ ᠵᠠᠮ ᠳᠠᠭᠠᠤ ᠠᠵᠤ ᠠᠬᠤᠢ ᠶᠢᠨ | ᠬᠦᠭᠵᠢᠯᠳᠡ ᠶᠢᠨ ᠳᠦᠯᠦᠪᠵᠢᠬᠦᠯᠬᠡ》 ᠶᠢ ᠨᠠᠶᠢᠷᠠᠭᠤᠯᠬᠤ ᠠᠵᠢᠯ ᠢ ᠳᠠᠭᠤᠰᠬᠠᠵᠤ᠂《 ᠠᠯᠠᠱᠠ ᠵᠡᠬᠦᠨ ᠬᠤᠰᠢᠭᠤᠨ | ᠤ ᠨᠤᠭᠤᠭᠠᠷᠠᠭᠤᠯᠤᠯᠳᠠ ᠶᠢᠨ ᠳᠤᠰᠬᠠᠢ ᠳᠦᠯᠦᠪᠵᠢᠬᠦᠯᠬᠡ》ᠵᠢᠴᠢ ᠡᠯ᠎ᠡ ᠰᠤᠮᠤ ᠪᠠᠯᠭᠠᠰᠤᠨ ᠤ ᠶᠡᠷᠦᠩᠬᠡᠢ | ᠳᠦᠯᠦᠪᠵᠢᠬᠦᠯᠬᠡ ᠶᠢ ᠨᠠᠶᠢᠷᠠᠭᠤᠯᠬᠤ᠂ ᠵᠠᠰᠠᠪᠤᠷᠢ ᠤᠷᠤᠭᠤᠯᠬᠤ ᠠᠵᠢᠯ ᠢ ᠡᠬᠢᠯᠡᠬᠦᠯᠵᠤ᠂ ᠰᠢᠨᠵᠢᠯᠡᠬᠦ ᠤᠬᠠᠭᠠᠨᠴᠢ | ᠵᠦᠢ ᠵᠤᠬᠢᠰᠳᠠᠢ ᠬᠤᠳᠠ ᠬᠦᠳᠡᠭᠡ ᠶᠢᠨ ᠬᠦᠭᠵᠢᠯᠳᠡ ᠶᠢᠨ ᠪᠠᠶᠢᠷᠢᠰᠢᠯᠳᠠ ᠶᠢ ᠪᠦᠷᠢᠯᠳᠦᠬᠦᠯᠬᠦ ᠪᠠᠷ ᠴᠢᠷᠮᠠᠶᠢᠨ᠎ᠠ᠃ | ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠳᠦᠪᠰᠢᠨ ᠢᠶᠠᠨ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ᠂ ᠤᠶᠤᠨᠴᠢ ᠪᠠᠷ ᠪᠠᠶᠢᠭᠤᠯᠬᠤ ᠶᠢ ᠪᠠᠷᠢᠮᠳᠠᠯᠠᠵᠤ᠂ ᠳᠦᠪ ᠬᠤᠳᠠ | ᠪᠠᠯᠭᠠᠰᠤ ᠪᠠ ᠪᠠᠶᠢᠭᠤᠯᠤᠮᠵᠢᠳᠤ ᠪᠠᠯᠭᠠᠰᠤ ᠵᠤᠬᠢᠴᠠᠯᠳᠤᠨ ᠬᠦᠭᠵᠢᠬᠦ ᠶᠢ ᠠᠬᠢᠭᠤᠯᠵᠤ᠂ ᠰᠠᠭᠤᠷᠢᠰᠢᠬᠤ ᠵᠢᠭᠤᠯᠴᠢᠯᠠᠬᠤ | ᠳᠤ ᠳᠤᠬᠢᠷᠠᠮᠵᠢᠳᠠᠢ ᠬᠤᠳᠠ ᠶᠢ ᠪᠠᠶᠢᠭᠤᠯᠤᠨ᠎ᠠ᠃ 2014 ᠤᠨ ᠳᠤ᠂ ᠬᠤᠳᠠ ᠶᠢᠨ ᠪᠦᠳᠦᠬᠡᠨ | ᠪᠠᠶᠢᠭᠤᠯᠤᠯᠳᠠ ᠶᠢᠨ 45 ᠭᠤᠤᠯᠳᠠᠯᠭ᠎ᠠ ᠲᠠᠢ ᠳᠦᠷᠦᠯ ᠵᠦᠢᠯ ᠢ ᠬᠡᠷᠡᠭᠵᠢᠬᠦᠯᠦᠨ᠂ 152.2 ᠳ᠋ᠦᠩᠰᠢᠭᠤᠷ | ᠳᠦᠬᠦᠷᠢᠭ ᠤᠨ ᠪᠡᠯᠡ ᠤᠷᠤᠭᠤᠯᠤᠨ᠂ ᠡᠬᠦᠨ ᠳᠤ ᠵᠠᠰᠠᠭ ᠤᠨ ᠤᠷᠳᠤᠨ ᠠᠴᠠ 40.3 ᠳ᠋ᠦᠩᠰᠢᠭᠤᠷ ᠳᠦᠬᠦᠷᠢᠭ | ᠪᠡᠯᠡ ᠤᠷᠤᠭᠤᠯᠤᠨ᠎ᠠ᠃ ᠪᠠᠶᠠᠨᠬᠤᠳᠠ ᠶᠢᠨ ᠬᠤᠳᠠ ᠶᠢᠨ ᠳᠤᠭᠤᠷᠢᠭ ᠤᠨ ᠨᠤᠭᠤᠭᠠᠷᠠᠭᠤᠯᠤᠯᠳᠠ᠂ ᠬᠤᠯᠠᠳᠠᠬᠢᠨ ᠢ | ᠳᠤᠭᠳᠠᠭᠠᠭᠴᠢ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠬᠠᠭᠤᠴᠢᠨ ᠬᠤᠳᠠ ᠶᠢᠨ ᠬᠡᠷ ᠪᠠᠷᠢᠯᠭ᠎ᠠ ᠶᠢ | ᠦᠬᠡᠷᠡᠴᠢᠯᠡᠬᠦ ᠪᠠ ᠤᠳᠤᠬᠠᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ ᠵᠡᠷᠬᠡ ᠢᠨᠵᠧᠨᠧᠷᠢᠩ ᠢ | ᠦᠷᠬᠦᠯᠵᠢᠯᠡᠨ ᠬᠡᠷᠡᠭᠵᠢᠬᠦᠯᠵᠤ᠂ ᠨᠤᠭᠤᠭᠠᠷᠠᠭᠤᠯᠤᠯᠳᠠ ᠶᠢᠨ ᠳᠠᠯᠠᠪᠠᠢ ᠶᠢ 376 ᠳᠦᠮᠡᠨ ᠳᠡᠭᠰᠢ ᠳᠦᠷᠪᠡᠯᠵᠢᠨ | ᠮᠧᠲᠷ ᠰᠢᠨ᠎ᠡ ᠪᠠᠷ ᠨᠡᠮᠡᠭᠳᠡᠬᠦᠯᠦᠨ᠎ᠡ᠃ 200 ᠢᠵᠢ ᠨᠡᠶᠢᠳᠡ ᠶᠢᠨ ᠳᠦᠷᠢᠶᠡᠰᠦᠨ ᠬᠡᠷ ᠪᠠᠶᠢᠰᠢᠩ ᠢ ᠡᠬᠢᠯᠡᠵᠤ | ᠪᠦᠳᠦᠬᠡᠨ ᠪᠠᠶᠢᠭᠤᠯᠵᠤ᠂ ᠬᠤᠳᠠ ᠶᠢᠨ ᠪᠦᠷᠬᠡ ᠬᠡᠷ ᠤᠨ ᠤᠷᠤᠨ ᠤ 572 ᠡᠷᠦᠬᠡ ᠶᠢ ᠦᠬᠡᠷᠡᠴᠢᠯᠡᠨ ᠵᠠᠰᠠᠨ᠎ᠠ᠃ | ᠦᠪᠡᠷᠳᠡᠬᠡᠨ ᠵᠠᠰᠠᠬᠤ ᠤᠷᠤᠨ ᠤ ᠳᠡᠰ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ ᠢ | ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠤ᠂ ᠠᠯᠠᠱᠠ ᠶᠢᠨ ᠭᠤᠪᠢ ᠶᠢᠨ ᠬᠠᠴᠢᠨ ᠴᠢᠯᠠᠭᠤᠨ ᠤ ᠰᠤᠶᠤᠯ ᠤᠨ | ᠠᠵᠤ ᠦᠢᠯᠡᠰ ᠤᠨ ᠬᠦᠷᠢᠶᠡᠯᠡᠩ ᠢ ᠪᠦᠳᠦᠬᠡᠨ ᠪᠠᠶᠢᠭᠤᠯᠬᠤ ᠪᠠᠨ ᠳᠦᠷᠬᠡᠳᠬᠡᠵᠤ᠂ ᠨᠢᠬᠡᠳᠦᠬᠡᠷ ᠬᠤᠭᠤᠴᠠᠭᠠᠨ ᠤ | ᠢᠨᠵᠧᠨᠧᠷᠢᠩ ᠢ ᠵᠢᠯ ᠤᠨ ᠳᠤᠳᠤᠷ᠎ᠠ ᠳᠠᠭᠤᠰᠬᠠᠬᠤ ᠪᠠᠷ ᠴᠢᠷᠮᠠᠶᠢᠨ᠎ᠠ᠃ ᠤᠰᠤ ᠬᠠᠩᠭᠠᠬᠤ᠂ ᠳᠤᠯᠠᠭᠠᠯᠭ᠎ᠠ ᠬᠠᠩᠭᠠᠬᠤ | ᠬᠤᠭᠤᠯᠠᠢ ᠶᠢᠨ ᠳᠤᠤᠷ ᠤᠨ ᠪᠦᠳᠦᠬᠡᠨ ᠪᠠᠶᠢᠭᠤᠯᠤᠯᠳᠠ ᠵᠢᠴᠢ ᠦᠬᠡᠷᠡᠴᠢᠯᠡᠨ ᠵᠠᠰᠠᠬᠤ ᠢᠨᠵᠧᠨᠧᠷᠢᠩ ᠢ ᠠᠯᠬᠤᠮ | ᠳᠠᠷᠠᠭ᠎ᠠ ᠲᠠᠢ ᠠᠬᠢᠭᠤᠯᠵᠤ᠂ ᠬᠤᠳᠠ ᠬᠦᠳᠡᠭᠡ ᠶᠢᠨ ᠤᠰᠤ ᠬᠠᠩᠭᠠᠬᠤ᠂ ᠳᠤᠯᠠᠭᠠᠯᠭ᠎ᠠ ᠬᠠᠩᠭᠠᠬᠤ ᠰᠠᠭᠤᠷᠢ | ᠨᠦᠬᠦᠴᠡᠯ ᠢ ᠰᠠᠶᠢᠵᠢᠷᠠᠭᠤᠯᠤᠨ᠎ᠠ᠃ ᠤᠷᠴᠢᠨ ᠳᠤᠭᠤᠷᠢᠨ ᠤ ᠠᠷᠢᠭᠤᠨ ᠴᠡᠪᠡᠷ ᠤᠨ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠳᠦᠷᠬᠡᠳᠬᠡᠨ᠂ ᠬᠤᠳᠠ ᠶᠢᠨ ᠶᠡᠷᠦᠩᠬᠡᠢ ᠴᠡᠭᠴᠡᠯᠡᠯᠳᠡ ᠶᠢ ᠴᠢᠩᠭᠠᠳᠬᠠᠵᠤ᠂ ᠬᠤᠳᠠ ᠶᠢᠨ | ᠴᠢᠳᠠᠪᠬᠢ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠤᠨ᠂ ᠬᠤᠳᠠ ᠶᠢᠨ ᠬᠠᠮᠢᠶᠠᠷᠤᠯᠳᠠ ᠶᠢᠨ ᠴᠢᠳᠠᠪᠬᠢ ᠶᠢ | ᠳᠡᠬᠡᠭᠰᠢᠯᠡᠬᠦᠯᠵᠤ᠂ ᠬᠤᠳᠠ ᠶᠢᠨ ᠴᠢᠨᠠᠷ ᠳᠡᠰ ᠢ ᠳᠡᠬᠡᠭᠰᠢᠯᠡᠬᠦᠯᠦᠨ᠎ᠡ᠃ ᠭᠤᠤᠯᠳᠠᠯᠭ᠎ᠠ ᠲᠠᠢ ᠪᠠᠶᠢᠭᠤᠯᠤᠮᠵᠢᠳᠤ | ᠪᠠᠯᠭᠠᠰᠤ ᠪᠠ ᠵᠠᠮ ᠬᠠᠷᠢᠯᠴᠠᠭᠠᠨ ᠤ ᠭᠤᠤᠯ ᠱᠤᠭᠤᠮ ᠳᠠᠭᠠᠤ ᠰᠤᠮᠤ ᠪᠠᠯᠭᠠᠰᠤᠨ ᠤ ᠰᠠᠭᠤᠷᠢ ᠳᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠤ᠂ ᠤᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠪᠠ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠶᠡᠬᠡᠪᠡᠷ ᠦᠷᠨᠢᠬᠦᠯᠵᠤ᠂ ᠬᠤᠳᠠ ᠬᠦᠳᠡᠭᠡ ᠶᠢᠨ ᠳᠦᠷᠰᠦ | ᠪᠠᠶᠢᠳᠠᠯ ᠢ ᠮᠡᠳᠡᠭᠳᠡᠮ᠎ᠡ ᠰᠠᠶᠢᠵᠢᠷᠠᠭᠤᠯᠤᠨ᠎ᠠ᠃ ᠪᠠᠶᠠᠨᠬᠤᠳᠠ ᠪᠠᠯᠭᠠᠰᠤ᠂ ᠵᠢᠷᠠᠳᠠᠢ ᠪᠠᠯᠭᠠᠰᠤ᠂ ᠤᠯᠠᠨᠪᠤᠯᠠᠭ ᠪᠠᠯᠭᠠᠰᠤ | ᠂ ᠵᠢᠷᠭᠠᠯᠰᠠᠶᠢᠬᠠᠨ ᠪᠠᠯᠭᠠᠰᠤ᠂ ᠤᠰᠤᠳᠠᠢ ᠪᠠᠯᠭᠠᠰᠤ ᠶᠢ ᠤᠯᠤᠰ ᠤᠨ ᠳᠡᠰ ᠤᠨ ᠭᠤᠤᠯᠳᠠᠯᠭ᠎ᠠ ᠲᠠᠢ ᠬᠤᠳᠠ | ᠪᠠᠯᠭᠠᠰᠤ ᠪᠤᠯᠭᠠᠬᠤ ᠪᠠᠷ ᠴᠢᠷᠮᠠᠶᠢᠨ᠂ ᠪᠤᠰᠤᠳ ᠪᠠᠶᠢᠭᠤᠯᠤᠮᠵᠢᠳᠤ ᠪᠠᠯᠭᠠᠰᠤ ᠶᠢ ᠦᠪᠡᠷᠳᠡᠬᠡᠨ ᠵᠠᠰᠬᠤ ᠤᠷᠤᠨ ᠤ | ᠳᠡᠰ ᠤᠨ ᠭᠤᠤᠯᠳᠠᠯᠭ᠎ᠠ ᠲᠠᠢ ᠬᠤᠳᠠ ᠪᠠᠯᠭᠠᠰᠤ ᠪᠤᠯᠭᠠᠬᠤ ᠪᠠᠷ ᠭᠤᠶᠤᠴᠢᠯᠠᠨ ᠮᠡᠳᠡᠬᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠳᠦᠯᠬᠢᠨ | ᠠᠬᠢᠭᠤᠯᠵᠤ᠂ ᠦᠵᠡᠰᠬᠦᠯᠡᠩᠳᠤ ᠠᠯᠠᠱᠠ ᠵᠡᠬᠦᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | 《 ᠡᠬᠡ ᠪᠠᠶᠢᠭᠠᠯᠢ ᠶᠢ ᠬᠦᠨᠳᠤᠳᠬᠡᠵᠤ᠂ ᠡᠬᠡ ᠪᠠᠶᠢᠭᠠᠯᠢ ᠶᠢᠨ ᠵᠢᠮ᠎ᠡ ᠶᠤᠰᠤ ᠶᠢ ᠳᠠᠭᠠᠵᠤ᠂ ᠡᠬᠡ ᠪᠠᠶᠢᠭᠠᠯᠢ ᠶᠢ | ᠬᠠᠮᠠᠭᠠᠯᠠᠬᠤ》 ᠠᠮᠢ ᠠᠬᠤᠢ ᠶᠢᠨ ᠪᠤᠯᠪᠠᠰᠤᠨ ᠤ ᠦᠵᠡᠯᠳᠡ ᠶᠢ ᠪᠠᠳᠤ ᠪᠠᠬᠢ ᠪᠤᠢ ᠪᠤᠯᠭᠠᠵᠤ᠂ ᠦᠵᠡᠰᠬᠦᠯᠡᠩ ᠪᠠ | ᠬᠦᠭᠵᠢᠯᠳᠡ ᠶᠢᠨ ᠬᠤᠤᠰ ᠠᠮᠵᠢᠯᠳᠠ ᠶᠢ ᠤᠯᠵᠤ᠂ ᠮᠠᠨ ᠤ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ | ᠶᠢᠨ ᠠᠮᠤᠷ ᠳᠦᠪᠰᠢᠨ ᠤ ᠴᠢᠬᠤᠯᠠ ᠬᠠᠯᠬᠠᠪᠴᠢ ᠶᠢ ᠴᠢᠷᠮᠠᠶᠢᠨ ᠴᠤᠭᠴᠠᠯᠠᠨ᠎ᠠ᠃ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠬᠦᠴᠦᠳᠡᠢ ᠠᠳᠬᠤᠨ᠎ᠠ᠃ ᠨᠤᠳᠤᠭ | ᠪᠡᠯᠴᠢᠬᠡᠷ ᠤᠨ ᠨᠦᠬᠦᠪᠦᠷᠢ ᠱᠠᠩᠨᠠᠯ᠂ ᠨᠡᠶᠢᠳᠡ ᠶᠢᠨ ᠠᠰᠢᠭᠳᠤ ᠤᠢ ᠶᠢᠨ ᠠᠮᠢ ᠠᠬᠤᠢ ᠶᠢᠨ ᠦᠷ᠎ᠡ ᠠᠰᠢᠭ ᠤᠨ | ᠨᠦᠬᠦᠪᠦᠷᠢ ᠵᠡᠷᠬᠡ ᠳᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃ 480 ᠳᠦᠮᠡᠨ ᠮᠤ᠋ ᠨᠤᠳᠤᠭ | ᠪᠡᠯᠴᠢᠬᠡᠷ ᠢ ᠪᠦᠳᠦᠬᠡᠨ ᠪᠠᠶᠢᠭᠤᠯᠬᠤ ᠡᠬᠦᠷᠬᠡ ᠶᠢ ᠪᠡᠶᠡᠯᠡᠬᠦᠯᠦᠨ᠂ ᠨᠢᠰᠬᠡᠯ ᠢᠶᠠᠷ 20 ᠳᠦᠮᠡᠨ ᠮᠤ᠋ ᠤᠢ ᠮᠤᠳᠤ | ᠳᠠᠷᠢᠵᠤ᠂ 10 ᠳᠦᠮᠡᠨ ᠮᠤ᠋ ᠭᠠᠵᠠᠷ ᠲᠤ ᠡᠯᠡᠰᠦ ᠶᠢ ᠬᠤᠷᠢᠨ ᠤᠶᠢᠵᠢᠭᠤᠯᠵᠤ᠂ 10 ᠳᠦᠮᠡᠨ ᠮᠤ᠋ ᠭᠠᠵᠠᠷ ᠢ | ᠤᠶᠢᠵᠢᠭᠤᠯᠤᠨ᠂ ᠠᠯᠪᠠᠨ ᠵᠢᠷᠤᠮ ᠢᠶᠠᠷ 50 ᠳᠦᠮᠡᠨ ᠰᠠᠤᠷᠢ ᠮᠤᠳᠤ ᠳᠠᠷᠢᠨ᠎ᠠ᠃ ᠮᠠᠯᠵᠢᠬᠤ ᠶᠢ ᠵᠤᠭᠰᠤᠭᠠᠬᠤ | ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠡᠪᠡᠰᠦ ᠪᠡᠯᠴᠢᠬᠡᠷ ᠢᠶᠠᠷ ᠮᠠᠯ ᠤᠨ ᠳᠤᠭ᠎ᠠ ᠶᠢ ᠳᠤᠭᠳᠠᠭᠠᠬᠤ᠂ ᠮᠠᠯ | ᠪᠡᠯᠴᠢᠬᠡᠷ ᠢ ᠳᠡᠩᠴᠡᠬᠦᠷᠢᠰᠢᠬᠦᠯᠬᠦ ᠳᠦᠷᠢᠮ ᠢ ᠴᠢᠩᠭ᠎ᠠ ᠬᠡᠷᠡᠭᠵᠢᠬᠦᠯᠦᠨ᠂ ᠭᠤᠤᠯᠳᠠᠯᠭ᠎ᠠ ᠲᠠᠢ ᠳᠦᠷᠦᠯ ᠵᠦᠢᠯ ᠤᠨ | ᠤᠷᠤᠨ᠂ ᠡᠯᠡᠰᠦ ᠶᠢ ᠬᠤᠷᠢᠵᠤ ᠤᠶᠢᠵᠢᠭᠤᠯᠬᠤ ᠬᠠᠮᠢᠶᠠᠷᠤᠯᠳᠠ ᠬᠠᠮᠠᠭᠠᠯᠠᠯᠳᠠ ᠶᠢᠨ ᠤᠷᠤᠨ ᠢ ᠳᠦᠪᠯᠡᠷᠡᠬᠦᠯᠦᠨ | ᠵᠠᠰᠠᠨ ᠴᠡᠭᠴᠡᠯᠡᠨ᠎ᠡ᠃ ᠤᠯᠠᠭᠠᠨᠪᠤᠬ᠎ᠠ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠤ | ᠪᠦᠳᠦᠬᠡᠨ ᠪᠠᠶᠢᠭᠤᠯᠤᠯᠳᠠ ᠶᠢ ᠳᠡᠮᠵᠢᠵᠤ᠂ ᠬᠦᠢᠪᠦᠷᠢ ᠶᠢᠨ ᠦᠶᠡᠷ ᠢ ᠬᠠᠰᠢᠵᠤ ᠬᠠᠳᠠᠭᠠᠯᠠᠬᠤ ᠤᠷᠤᠨ ᠤ ᠳᠦᠷᠦᠯ | ᠵᠦᠢᠯ ᠢ ᠮᠡᠳᠡᠬᠦᠯᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠡ᠃ ᠡᠯᠡᠰᠦᠷᠬᠡᠭᠵᠢᠭᠰᠡᠨ ᠭᠠᠵᠠᠷ ᠰᠢᠷᠤᠢ ᠶᠢ | ᠪᠢᠳᠡᠬᠦᠮᠵᠢᠯᠡᠨ ᠬᠤᠷᠢᠵᠤ ᠬᠠᠮᠠᠭᠠᠯᠠᠬᠤ ᠳᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠤ᠂ ᠬᠢᠯᠢ ᠬᠢᠵᠠᠭᠠᠷ ᠤᠷᠤᠨ | ᠤ ᠮᠠᠯᠴᠢᠨ ᠳᠠᠷᠢᠶᠠᠴᠢᠳ ᠤᠨ ᠦᠢᠯᠡᠳᠪᠦᠷᠢᠯᠡᠯ ᠢᠶᠠᠨ ᠬᠦᠭᠵᠢᠬᠦᠯᠬᠦ᠂ ᠠᠮᠢ ᠠᠬᠤᠢ ᠶᠢᠨ ᠬᠠᠮᠠᠭᠠᠯᠠᠯᠳᠠ | ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠳᠡᠮᠵᠢᠵᠤ᠂《 ᠠᠮᠢ ᠠᠬᠤᠢ ᠪᠠᠷ ᠬᠢᠵᠠᠭᠠᠷ ᠢᠶᠠᠨ ᠰᠠᠬᠢᠬᠤ》᠂ | 《 ᠠᠵᠤ ᠦᠢᠯᠡᠰ ᠢᠶᠠᠷ ᠬᠢᠵᠠᠭᠠᠷ ᠢᠶᠠᠨ ᠰᠠᠬᠢᠬᠤ》᠂《 ᠠᠷᠠᠳ ᠢᠶᠠᠨ ᠴᠢᠨᠡᠬᠡᠯᠢᠭᠵᠢᠬᠦᠯᠵᠤ ᠬᠢᠵᠠᠭᠠᠷ ᠢᠶᠠᠨ | ᠰᠠᠬᠢᠬᠤ》 ᠶᠢ ᠴᠢᠷᠮᠠᠶᠢᠨ ᠪᠡᠶᠡᠯᠡᠬᠦᠯᠦᠨ᠎ᠡ᠃ | ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠣᠷᠴᠢᠨ ᠳᠤᠭᠤᠷᠢᠨ ᠢ | ᠶᠡᠷᠦᠩᠬᠡᠶᠢᠯᠡᠨ ᠵᠠᠰᠠᠬᠤ ᠶᠢ ᠬᠦᠨᠵᠡᠬᠡᠢ ᠦᠷᠨᠢᠬᠦᠯᠵᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠ | ᠤᠷᠴᠢᠨ ᠳᠤᠭᠤᠷᠢᠨ ᠤ ᠬᠠᠮᠠᠭᠠᠯᠠᠯᠳᠠ ᠶᠢ ᠨᠢᠬᠡᠳᠦᠯᠳᠡᠢ ᠳᠦᠯᠦᠪᠵᠢᠬᠦᠯᠦᠨᠡ᠃ ᠡᠨᠧᠷᠬᠢ ᠠᠷᠪᠢᠯᠠᠵᠤ ᠪᠤᠬᠢᠷᠳᠤᠯ | ᠪᠠᠭᠠᠰᠬᠠᠬᠤ ᠠᠵᠢᠯ ᠢ ᠰᠠᠶᠢᠳᠤᠷ ᠬᠢᠵᠤ᠂ ᠭᠤᠤᠯᠳᠠᠯᠭ᠎ᠠ ᠲᠠᠢ ᠡᠨᠧᠷᠬᠢ ᠬᠤᠷᠤᠭᠳᠠᠭᠤᠯᠬᠤ ᠠᠵᠤ ᠠᠬᠤᠶᠢᠯᠠᠯ ᠢ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠠᠵᠤ ᠠᠬᠤᠶᠢᠯᠠᠯ ᠠᠴᠠ ᠬᠡᠷᠡᠭᠯᠡᠬᠡᠨ ᠤ ᠰᠢᠨ᠎ᠡ ᠮᠡᠷᠬᠡᠵᠢᠯ᠂ ᠰᠢᠨ᠎ᠡ ᠤᠷᠠᠯᠠᠯ᠂ | ᠰᠢᠨ᠎ᠡ ᠳᠦᠬᠦᠬᠡᠷᠦᠮᠵᠢ ᠶᠢ ᠳᠡᠯᠬᠡᠷᠡᠬᠦᠯᠬᠦ ᠶᠢ ᠵᠤᠷᠢᠭᠵᠢᠭᠤᠯᠵᠤ᠂ ᠬᠤᠴᠤᠷᠤᠩᠭᠤᠢ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠤᠯᠠᠮ ᠢᠶᠠᠷ ᠳᠠᠶᠠᠭᠳᠠᠨᠠ᠃ ᠠᠭᠠᠷ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ | ᠤᠷᠴᠢᠨ ᠳᠤᠭᠤᠷᠢᠨ ᠤ ᠵᠦᠪᠰᠢᠶᠡᠷᠡᠯ ᠤᠨ ᠪᠠᠷᠢᠮᠵᠢᠶ᠎ᠠ ᠶᠢ ᠴᠢᠩᠭ᠎ᠠ ᠪᠤᠯᠭᠠᠨ᠎ᠠ᠃ ᠳᠡᠭᠷᠢ ᠶᠢᠨ ᠪᠤᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠳᠤᠭᠳᠠᠴᠠ ᠶᠢ ᠳᠦᠷᠢᠮᠵᠢᠬᠦᠯᠦᠨ ᠳᠡᠬᠦᠯᠳᠡᠷᠵᠢᠬᠦᠯᠵᠤ᠂ | ᠪᠠᠷᠢᠮᠵᠢᠶ᠎ᠠ ᠳᠤ ᠬᠦᠷᠬᠡᠨ ᠭᠠᠳᠠᠭᠰᠢᠯᠠᠭᠤᠯᠬᠤ ᠶᠢ ᠦᠨᠡᠨᠬᠦ ᠪᠠᠳᠤᠯᠠᠨ᠎ᠠ᠃ ᠪᠠᠶᠠᠨᠬᠤᠳᠠ ᠶᠢᠨ ᠰᠢᠨ᠎ᠡ ᠳᠤᠭᠤᠷᠢᠭ ᠤᠨ | ᠪᠤᠬᠢᠷ ᠤᠰᠤ ᠰᠢᠢᠳᠪᠦᠷᠢᠯᠡᠬᠦ ᠢᠨᠵᠧᠨᠧᠷᠢᠩ ᠢ ᠪᠡᠶᠡᠯᠡᠬᠦᠯᠦᠨ᠎ᠡ᠃ ᠭᠠᠵᠠᠷ ᠳᠤᠤᠷᠠᠬᠢ ᠤᠰᠤᠨ ᠰᠤᠷᠪᠤᠯᠵᠢ ᠶᠢᠨ | ᠬᠠᠮᠢᠶᠠᠷᠤᠯᠳᠠ ᠶᠢ ᠴᠢᠩᠭᠠᠳᠬᠠᠨ᠂ ᠤᠰᠤ ᠬᠡᠷᠡᠭᠯᠡᠬᠦ ᠵᠦᠪᠰᠢᠶᠡᠷᠡᠯ ᠢ ᠴᠢᠩᠳᠠᠯᠠᠨ᠂ ᠤᠰᠤᠨ ᠤ ᠡᠬᠢ ᠰᠤᠷᠪᠤᠯᠵᠢ | ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠠᠰᠢᠭᠯᠠᠬᠤ ᠶᠢ ᠪᠡᠶᠡᠯᠡᠬᠦᠯᠦᠨ᠎ᠡ᠃ | ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠬᠦᠯᠦᠨ ᠠᠰᠢᠭᠯᠠᠬᠤ ᠶᠢ ᠠᠬᠢᠭᠤᠯᠤᠨ᠎ᠠ᠃ 2 ᠳ᠋ᠦᠩᠰᠢᠭᠤᠷ | ᠳᠦᠬᠦᠷᠢᠭ ᠪᠡᠯᠡ ᠤᠷᠤᠭᠤᠯᠤᠨ᠂ ᠦᠨᠳᠦᠰᠦᠨ ᠳᠠᠷᠢᠶᠠᠨ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠨ᠂ ᠰᠤᠪᠠᠭ | ᠤᠨ ᠰᠢᠰᠲ᠋ᠧᠮ᠂ ᠳᠠᠷᠢᠶᠠᠨ ᠭᠠᠵᠠᠷ ᠤᠨ ᠵᠠᠮ ᠵᠡᠷᠬᠡ ᠳᠦᠬᠦᠷ ᠳᠦᠬᠦᠬᠡᠷᠦᠮᠵᠢ ᠶᠢ ᠳᠡᠬᠦᠯᠳᠡᠷᠵᠢᠬᠦᠯᠵᠤ᠂ 10 | ᠳᠦᠮᠡᠨ ᠮᠤ᠋ ᠦᠨᠳᠦᠷ ᠪᠠᠷᠢᠮᠵᠢᠶᠠᠳᠤ ᠦᠨᠳᠦᠰᠦᠨ ᠳᠠᠷᠢᠶᠠᠨ ᠭᠠᠵᠠᠷ ᠢ ᠪᠦᠳᠦᠬᠡᠨ ᠪᠠᠶᠢᠭᠤᠯᠤᠨ᠎ᠠ᠃ ᠪᠠᠷᠢᠯᠭ᠎ᠠ ᠶᠢᠨ | ᠭᠠᠵᠠᠷ ᠰᠢᠷᠤᠢ ᠬᠡᠷᠡᠭᠯᠡᠬᠦ ᠦᠷ᠎ᠡ ᠠᠰᠢᠭ ᠢ ᠦᠨᠡᠨᠬᠦ ᠳᠡᠬᠡᠭᠰᠢᠯᠡᠬᠦᠯᠵᠤ᠂ ᠬᠠᠶᠠᠭᠳᠠᠮᠠᠯ ᠤᠷᠤᠨ ᠰᠠᠭᠤᠴᠠ ᠪᠠ | ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ ᠳᠦᠷᠦᠯ ᠵᠦᠢᠯ ᠢ ᠬᠡᠷᠡᠭᠵᠢᠬᠦᠯᠬᠦ | ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠯᠠᠨ ᠭᠠᠮᠨᠠᠬᠤ ᠪᠠ | ᠦᠨᠳᠦᠷ ᠦᠷ᠎ᠡ ᠠᠰᠢᠭ ᠲᠠᠢ ᠪᠠᠷ ᠠᠰᠢᠭᠯᠠᠬᠤ ᠶᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠠᠴᠠ ᠭᠠᠵᠠᠷ | ᠰᠢᠨᠵᠢᠯᠡᠬᠡᠨ ᠢ ᠳᠡᠮᠵᠢᠬᠦ ᠳᠦᠷᠦ ᠶᠢᠨ ᠪᠤᠳᠤᠯᠭ᠎ᠠ ᠪᠠᠨ ᠦᠷᠬᠦᠯᠵᠢᠯᠡᠬᠦᠯᠬᠦ ᠶᠢ ᠴᠢᠷᠮᠠᠶᠢᠨ ᠠᠬᠢᠭᠤᠯᠵᠤ᠂ ᠭᠠᠵᠠᠷ | ᠰᠢᠨᠵᠢᠯᠡᠬᠡᠨ ᠤ ᠬᠠᠶᠢᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠠᠭᠤᠷᠬᠠᠢ ᠶᠢᠨ ᠡᠷᠬᠡ ᠶᠢᠨ | ᠳᠤᠳᠤᠯᠠᠬᠤ ᠪᠠ ᠮᠠᠯᠳᠠᠬᠤ ᠠᠵᠢᠯᠯᠠᠭ᠎ᠠ ᠶᠢ ᠤᠯᠠᠮ ᠨᠢᠬᠡ ᠠᠯᠬᠤᠮ ᠳᠦᠷᠢᠮᠵᠢᠬᠦᠯᠵᠤ᠂ ᠠᠭᠤᠷᠬᠠᠢ ᠶᠢᠨ ᠡᠬᠢ | ᠪᠠᠶᠠᠯᠢᠭ ᠢ ᠨᠢᠬᠡᠳᠬᠡᠨ ᠨᠡᠶᠢᠯᠡᠬᠦᠯᠬᠦ ᠡᠷᠴᠢᠮ ᠢᠶᠠᠨ ᠴᠢᠩᠭᠠᠷᠠᠭᠤᠯᠤᠨ᠂ ᠡᠬᠢ ᠪᠠᠶᠠᠯᠢᠭ ᠢ ᠳᠤᠬᠠᠢ ᠶᠢᠨ ᠭᠠᠵᠠᠷ | ᠲᠤᠨᠢ ᠬᠤᠪᠢᠷᠠᠭᠤᠯᠬᠤ ᠪᠠ ᠬᠦᠨᠵᠡᠬᠡᠢ ᠪᠤᠯᠪᠠᠰᠤᠷᠠᠭᠤᠯᠬᠤ ᠶᠢ ᠠᠬᠢᠭᠤᠯᠤᠨ᠂ ᠡᠬᠢ ᠪᠠᠶᠠᠯᠢᠭ ᠤᠨ ᠠᠰᠢᠭᠯᠠᠯᠳᠠ | ᠶᠢᠨ ᠨᠤᠷᠮ᠎ᠠ ᠶᠢ ᠳᠡᠬᠡᠭᠰᠢᠯᠡᠬᠦᠯᠦᠨ᠎ᠡ᠃ | ︵ᠳᠤᠯᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠶᠢ ᠴᠢᠷᠮᠠᠶᠢᠨ ᠳᠡᠬᠡᠭᠰᠢᠯᠡᠬᠦᠯᠦᠨ᠎ᠡ᠃ | ᠬᠦᠭᠵᠢᠯᠳᠡ ᠶᠢᠨ ᠦᠷ᠎ᠡ ᠪᠦᠳᠦᠮᠵᠢ ᠪᠠᠨ ᠪᠦᠬᠦ ᠠᠷᠠᠳ ᠲᠤ ᠨᠡᠩ ᠠᠷᠪᠢᠨ ᠨᠡᠩ ᠡᠷᠬᠡ ᠳᠡᠭᠰᠢ ᠪᠠᠷ ᠡᠳ᠋ᠯᠡᠬᠦᠯᠬᠦ ᠪᠠᠷ | ᠬᠠᠷᠠᠯᠳᠠ ᠪᠤᠯᠭᠠᠵᠤ᠂ ᠡᠯ᠎ᠡ ᠳᠦᠷᠦᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ | ᠰᠠᠶᠢᠳᠤᠷ ᠬᠢᠵᠤ᠂ ᠠᠵᠢᠯ ᠤᠯᠭᠤᠯᠳᠠ᠂ ᠰᠤᠶᠤᠯ ᠰᠢᠨᠵᠢᠯᠡᠭᠡ ᠮᠡᠷᠬᠡᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ | ᠨᠡᠶᠢᠬᠡᠮ ᠤᠨ ᠪᠠᠳᠤᠯᠠᠭ᠎ᠠ ᠵᠡᠷᠬᠡ ᠳᠠᠯ᠎ᠠ ᠪᠠᠷ ᠬᠢ ᠦᠬᠡᠷᠡᠴᠢᠯᠡᠯᠳᠡ ᠪᠠᠨ ᠭᠤᠤᠯᠳᠠᠯᠭ᠎ᠠ ᠲᠠᠢ ᠳᠦᠷᠬᠡᠳᠬᠡᠨ᠂ ᠨᠡᠶᠢᠬᠡᠮ | ᠳᠤ ᠤᠯᠠᠨ ᠬᠡᠯᠪᠡᠷᠢ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠦᠨᠳᠦᠰᠦᠨ ᠨᠡᠶᠢᠳᠡ ᠶᠢᠨ ᠦᠢᠯᠡᠴᠢᠯᠡᠬᠡᠨ | ᠤ ᠲᠡᠩᠴᠡᠬᠦᠷᠢᠰᠢᠯᠳᠡ ᠶᠢ ᠠᠬᠢᠭᠤᠯᠤᠨ᠎ᠠ᠃ | ᠬᠤᠳᠠ ᠬᠦᠳᠡᠭᠡ ᠶᠢᠨ ᠠᠵᠢᠯ ᠤᠯᠭᠤᠯᠳᠠ ᠶᠢᠨ ᠠᠷᠭ᠎ᠠ ᠵᠠᠮ ᠢ ᠦᠷᠬᠡᠳᠬᠡᠨ᠎ᠡ᠃《 ᠠᠵᠢᠯ ᠣᠯᠭᠤᠯᠳᠠ ᠶᠢ ᠡᠩ | ᠳᠡᠷᠢᠬᠦᠨ ᠳᠤ ᠳᠠᠯᠪᠢᠬᠤ》 ᠳᠦᠷᠦ ᠶᠢᠨ ᠪᠤᠳᠤᠯᠭ᠎ᠠ ᠪᠠ ᠨᠡᠩ ᠢᠳᠡᠪᠬᠢᠳᠡᠢ ᠠᠵᠢᠯ ᠤᠯᠭᠤᠬᠤ ᠠᠷᠭ᠎ᠠ ᠪᠠᠷᠢᠯ ᠢ | ᠨᠠᠶᠢᠳᠠᠪᠤᠷᠢᠵᠢᠭᠤᠯᠵᠤ᠂ ᠠᠵᠢᠯ ᠤᠯᠭᠤᠬᠤ ᠪᠤᠯᠪᠠᠰᠤᠷᠠᠯ ᠪᠠ ᠦᠢᠯᠡᠰ ᠪᠤᠰᠬᠠᠬᠤ ᠦᠢᠯᠡᠴᠢᠯᠡᠭᠡ ᠶᠢ ᠴᠢᠩᠭᠠᠳᠬᠠᠨ᠂ | ᠪᠠᠭ᠎ᠠ ᠳᠤᠭᠠᠨ ᠤ ᠪᠠᠳᠤᠯᠠᠭᠠᠳᠤ ᠵᠢᠬᠡᠯᠡᠯᠬᠡ ᠪᠠᠷ ᠳᠡᠮᠵᠢᠬᠦ ᠡᠷᠴᠢᠮ ᠢᠶᠠᠨ ᠨᠡᠮᠡᠭᠳᠡᠬᠦᠯᠵᠤ᠂ ᠦᠢᠯᠡᠰ ᠪᠤᠰᠬᠠᠬᠤ ᠪᠠᠷ | ᠠᠵᠢᠯ ᠤᠯᠭᠤᠬᠤ ᠶᠢ ᠳᠠᠶᠢᠴᠢᠯᠠᠨ᠂ 1150 ᠬᠦᠮᠦᠨ ᠳᠤ ᠠᠵᠢᠯ ᠤᠯᠭᠤᠬᠤ ᠮᠡᠷᠬᠡᠵᠢᠯ ᠤᠨ ᠪᠤᠯᠪᠠᠰᠤᠷᠠᠯ | ᠬᠦᠷᠳᠡᠬᠡᠵᠤ᠂ 300 ᠠᠴᠠ ᠳᠡᠬᠡᠭᠰᠢ ᠬᠦᠮᠦᠰ ᠲᠤ ᠦᠢᠯᠡᠰ ᠪᠤᠰᠬᠠᠬᠤ ᠪᠤᠯᠪᠠᠰᠤᠷᠠᠯ ᠬᠦᠷᠳᠡᠬᠡᠨ᠎ᠡ᠃ ᠪᠠᠶᠠᠨᠬᠤᠳᠠ | ᠶᠢᠨ ᠦᠢᠯᠡᠰ ᠪᠤᠰᠬᠠᠬᠤ ᠬᠦᠷᠢᠶᠡᠯᠡᠩ ᠢ ᠪᠦᠳᠦᠬᠡᠨ ᠪᠠᠶᠢᠭᠤᠯᠬᠤ ᠡᠷᠴᠢᠮ ᠢᠶᠠᠨ ᠨᠡᠮᠡᠭᠳᠡᠬᠦᠯᠵᠤ᠂ ᠰᠠᠶᠢᠨ ᠰᠠᠶᠢᠬᠠᠨ | ᠦᠢᠯᠡᠰ ᠪᠤᠰᠬᠠᠬᠤ ᠨᠦᠬᠦᠴᠡᠯ ᠪᠠ ᠤᠷᠴᠢᠨ ᠳᠤᠭᠤᠷᠢᠨ ᠢ ᠬᠠᠩᠭᠠᠨ᠎ᠠ᠃ ᠠᠵᠤ ᠠᠬᠤᠶᠢᠯᠠᠯ ᠠᠴᠠ ᠠᠵᠢᠯ ᠤᠨ | ᠪᠠᠶᠢᠷᠢ ᠨᠡᠮᠡᠵᠤ ᠬᠠᠩᠭᠠᠬᠤ ᠶᠢ ᠤᠳᠤᠷᠢᠳᠤᠨ ᠵᠢᠯᠤᠭᠤᠳᠴᠤ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ | ᠳᠦᠷᠦᠯ ᠵᠦᠢᠯ ᠡᠩ ᠳᠡᠷᠢᠬᠦᠨ ᠳᠤ ᠬᠤᠰᠢᠭᠤᠨ ᠤ ᠳᠤᠳᠤᠷᠠᠬᠢ ᠬᠦᠳᠡᠯᠮᠦᠷᠢ ᠬᠦᠴᠦᠨ ᠳᠤ ᠠᠵᠢᠯ ᠤᠯᠭᠤᠨ᠎ᠠ᠃ | ᠶᠡᠭᠡ ᠰᠤᠷᠭᠠᠭᠤᠯᠢ ᠠᠴᠠ ᠳᠡᠬᠦᠰᠦᠭᠰᠡᠳ᠂ ᠬᠤᠳᠠ ᠪᠠᠯᠭᠠᠰᠤᠨ ᠤ ᠬᠦᠴᠢᠷᠳᠡᠯᠳᠡᠢ ᠬᠡᠷ ᠪᠦᠯᠢ᠂ ᠮᠠᠯᠵᠢᠬᠤ ᠤᠷᠤᠨ | ᠠᠴᠠ ᠰᠢᠯᠵᠢᠭᠰᠡᠨ ᠬᠦᠳᠡᠯᠮᠦᠷᠢ ᠬᠦᠴᠦ ᠵᠡᠷᠬᠡ ᠳᠤ ᠠᠵᠢᠯ ᠤᠯᠭᠤᠬᠤ ᠶᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ | ᠬᠢᠵᠤ᠂ ᠠᠵᠢᠯ ᠤᠯᠭᠤᠯᠳᠠ ᠶᠢ ᠴᠢᠷᠮᠠᠶᠢᠨ ᠳᠤᠭᠳᠠᠪᠤᠷᠢᠵᠢᠭᠤᠯᠬᠤ ᠪᠠ ᠦᠷᠬᠡᠳᠬᠡᠨ᠎ᠡ᠃ ᠬᠤᠳᠠ ᠪᠠᠯᠭᠠᠰᠤᠨ ᠳᠤ | ᠰᠢᠨ᠎ᠡ ᠪᠠᠷ 1400 ᠠᠴᠠ ᠳᠡᠬᠡᠭᠰᠢ ᠬᠦᠮᠦᠰ ᠲᠤ ᠠᠵᠢᠯ ᠤᠯᠭᠤᠬᠤ ᠶᠢ ᠪᠡᠶᠡᠯᠡᠬᠦᠯᠵᠤ᠂ ᠬᠦᠳᠡᠭᠡ ᠳᠤᠰᠬᠤᠨ ᠤ | 1600 ᠠᠴᠠ ᠳᠡᠬᠡᠭᠰᠢ ᠬᠦᠳᠡᠯᠮᠦᠷᠢ ᠬᠦᠴᠦ ᠶᠢ ᠰᠢᠯᠵᠢᠬᠦᠯᠦᠨ ᠠᠵᠢᠯ ᠤᠯᠭᠤᠵᠤ᠂ ᠬᠤᠳᠠ ᠪᠠᠯᠭᠠᠰᠤᠨ ᠤ | ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠠ ᠶᠢ 3.9% ᠳᠤᠳᠤᠷ᠎ᠠ ᠬᠢᠵᠠᠭᠠᠷᠯᠠᠬᠤ ᠶᠢ ᠦᠨᠡᠨᠬᠦ | ᠪᠠᠳᠤᠯᠠᠨ᠎ᠠ᠃ | ᠨᠡᠶᠢᠬᠡᠮ ᠤᠨ ᠪᠠᠳᠤᠯᠠᠭᠠᠨ ᠤ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠨ᠎ᠡ᠃ ᠨᠡᠶᠢᠬᠡᠮ ᠤᠨ ᠪᠠᠳᠤᠯᠠᠭᠠᠨ ᠤ | ᠬᠠᠮᠤᠷᠬᠤ ᠬᠡᠪᠴᠢᠶ᠎ᠠ ᠶᠢ ᠳᠠᠰᠤᠷᠠᠯᠳᠠ ᠦᠬᠡᠢ ᠦᠷᠬᠡᠳᠬᠡᠵᠤ᠂ ᠪᠠᠳᠤᠯᠠᠭᠠᠨ ᠤ ᠪᠠᠷᠢᠮᠵᠢᠶ᠎ᠠ ᠶᠢ ᠳᠡᠬᠡᠭᠰᠢᠯᠡᠬᠦᠯᠦᠨ᠂ | ᠨᠡᠶᠢᠬᠡᠮ ᠤᠨ ᠠᠪᠤᠷᠠᠨ ᠳᠤᠰᠠᠯᠠᠬᠤ ᠰᠢᠰᠲ᠋ᠧᠮ ᠢ ᠳᠡᠬᠦᠯᠳᠡᠷᠵᠢᠬᠦᠯᠵᠤ᠂ ᠬᠦᠴᠢᠷᠳᠡᠯᠳᠡᠢ ᠤᠯᠠᠨ ᠳᠦᠮᠡᠨ ᠤ | ᠦᠨᠳᠦᠰᠦᠨ ᠠᠮᠢᠳᠤᠷᠠᠯ ᠢ ᠦᠨᠡᠨᠬᠦ ᠪᠠᠳᠤᠯᠠᠨ᠎ᠠ᠃ ᠪᠦᠬᠦ ᠠᠶᠢᠮᠠᠭ ᠤᠨ ᠠᠩᠬᠠᠳᠠᠭᠴᠢ ᠨᠡᠶᠢᠳᠡ ᠠᠴᠠ ᠳᠤᠰᠠᠯᠠᠵᠤ᠂ | ᠠᠷᠠᠳ ᠠᠴᠠ ᠪᠠᠶᠢᠭᠤᠯᠵᠤ᠂ ᠠᠷᠠᠳ ᠠᠴᠠ ᠡᠵᠡᠩᠨᠡᠭᠰᠡᠨ ᠨᠠᠰᠤᠳᠠᠶᠢᠴᠤᠳ ᠢ ᠠᠰᠠᠷᠠᠵᠤ ᠬᠠᠮᠠᠭᠠᠯᠠᠬᠤ ᠳᠦᠪ ᠢ | ᠪᠠᠶᠢᠭᠤᠯᠤᠨ᠎ᠠ᠃ ᠨᠠᠰᠤᠳᠠᠶᠢᠴᠤᠳ᠂ ᠵᠡᠮᠳᠡᠭᠴᠤᠳ ᠵᠢᠴᠢ ᠡᠨᠡᠷᠢᠩᠬᠦᠢ ᠦᠢᠯᠡᠰ ᠤᠨ ᠬᠦᠭᠵᠢᠯᠳᠡ ᠶᠢ ᠠᠬᠢᠭᠤᠯᠵᠤ᠂ | ᠶᠡᠷᠦᠩᠬᠡᠶᠢᠯᠡᠭᠰᠡᠨ ᠨᠡᠶᠢᠬᠡᠮ ᠤᠨ ᠠᠰᠠᠷᠠᠮᠵᠢ ᠶᠢᠨ ᠳᠦᠪ᠂ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ᠂ | ᠠᠪᠤᠷᠠᠨ ᠳᠤᠰᠠᠯᠠᠬᠤ ᠦᠷᠳᠡᠬᠡᠨ ᠤ ᠬᠠᠮᠢᠶᠠᠷᠤᠯᠳᠠ ᠦᠢᠯᠡᠴᠢᠯᠡᠬᠡᠨ ᠤ ᠬᠢᠷᠢ ᠳᠦᠪᠰᠢᠨ ᠢ ᠳᠡᠬᠡᠭᠰᠢᠯᠡᠬᠦᠯᠦᠨ᠎ᠡ᠃ | ᠮᠠᠨ ᠤ ᠬᠤᠰᠢᠭᠤ ᠨᠢᠬᠡᠨᠳᠡ ᠦᠪᠡᠷᠳᠡᠬᠡᠨ ᠵᠠᠰᠠᠬᠤ ᠤᠷᠤᠨ ᠤ 38 ᠭᠤᠤᠯᠳᠠᠯᠭ᠎ᠠ ᠲᠠᠢ ᠶᠠᠳᠠᠭᠤ ᠶᠢ ᠳᠡᠳᠬᠦᠬᠦ | ᠪᠠᠬᠢᠯᠡᠯᠳᠡ ᠶᠢᠨ ᠬᠤᠰᠢᠭᠤ ᠰᠢᠶᠠᠨ ᠳᠤ ᠵᠢᠭᠰᠠᠭᠠᠭᠳᠠᠵᠡᠢ᠃ ᠪᠢᠳᠡ ᠡᠨᠡᠬᠦ ᠴᠢᠬᠤᠯᠠ ᠠᠵᠠ ᠳᠤᠬᠢᠶᠠᠯ ᠢ | ᠠᠳᠬᠤᠵᠤ᠂ ᠠᠵᠤ ᠦᠢᠯᠡᠰ ᠤᠨ ᠬᠦᠭᠵᠢᠬᠦᠯᠦᠯᠳᠡ᠂ ᠠᠮᠢ ᠠᠬᠤᠢ ᠶᠢᠨ ᠤᠷᠴᠢᠨ ᠳᠤᠭᠤᠷᠢᠨ᠂ ᠰᠠᠭᠤᠷᠢ | ᠳᠦᠬᠦᠬᠡᠷᠦᠮᠵᠢ ᠶᠢᠨ ᠪᠠᠶᠢᠭᠤᠯᠤᠯᠳᠠ᠂ ᠨᠡᠶᠢᠳᠡ ᠶᠢᠨ ᠦᠢᠯᠡᠴᠢᠯᠡᠭᠡ᠂ ᠨᠡᠶᠢᠬᠡᠮ ᠤᠨ ᠬᠦᠭᠵᠢᠯᠳᠡ ᠵᠡᠷᠬᠡ ᠳᠠᠯ᠎ᠠ | ᠪᠠᠷ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠡᠩ ᠶᠡᠭᠡ ᠳᠤᠰᠠᠯᠠᠮᠵᠢ ᠶᠢ ᠴᠢᠷᠮᠠᠶᠢᠨ ᠤᠯᠬᠤ ᠬᠡᠷᠡᠭᠳᠡᠢ᠃ | ᠶᠠᠳᠠᠭᠤ ᠶᠢ ᠳᠡᠳᠬᠦᠬᠦ ᠠᠵᠢᠯ ᠢ ᠨᠠᠷᠢᠨ ᠤᠨᠤᠪᠴᠢᠳᠠᠢ ᠦᠷᠨᠢᠬᠦᠯᠵᠤ᠂《 ᠭᠤᠷᠪᠠ ᠶᠢ ᠳᠤᠰᠬᠤᠨ ᠪᠠ ᠡᠷᠦᠬᠡ ᠳᠤ | ᠬᠦᠷᠬᠡᠬᠦ》᠂ ᠠᠮᠢ ᠠᠬᠤᠢ ᠬᠡᠪᠡᠷᠡᠭ ᠤᠷᠤᠨ ᠤ ᠠᠷᠠᠳ ᠢ ᠨᠡᠬᠦᠯᠬᠡᠨ ᠰᠢᠯᠵᠢᠬᠦᠯᠬᠦ ᠢᠨᠵᠧᠨᠧᠷᠢᠩ ᠢ ᠳᠦᠯᠬᠢᠨ | ᠠᠬᠢᠭᠤᠯᠵᠤ᠂ ᠠᠵᠢᠯ ᠳᠦᠷᠦᠯ ᠢᠶᠠᠷ ᠶᠠᠳᠠᠭᠤ ᠶᠢ ᠳᠡᠳᠬᠦᠬᠦ᠂ ᠳᠤᠬᠠᠶᠢᠯᠠᠭᠰᠠᠨ ᠠᠵᠢᠯ ᠢᠶᠠᠷ ᠶᠠᠳᠠᠭᠤ ᠶᠢ | ᠳᠡᠳᠬᠦᠬᠦ᠂ ᠨᠡᠶᠢᠬᠡᠮ ᠢᠶᠠᠷ ᠶᠠᠳᠠᠭᠤ ᠶᠢ ᠬᠠᠪᠰᠤᠷᠬᠤ ᠡᠷᠴᠢᠮ ᠢᠶᠠᠨ ᠨᠡᠮᠡᠭᠳᠡᠬᠦᠯᠵᠤ᠂《 ᠮᠦᠩᠬᠦᠨ ᠬᠦᠢᠯᠬᠡᠬᠡᠨ ᠢᠶᠠᠷ | ᠶᠠᠳᠠᠭᠤ ᠶᠢ ᠳᠡᠳᠬᠦᠵᠤ ᠠᠷᠠᠳ ᠢ ᠪᠠᠶᠠᠵᠢᠭᠤᠯᠬᠤ ᠢᠨᠵᠧᠨᠧᠷᠢᠩ》 ᠢ ᠰᠠᠶᠢᠳᠤᠷ ᠬᠡᠷᠡᠭᠵᠢᠬᠦᠯᠦᠨ᠂ ᠵᠢᠯ ᠤᠨ | ᠲᠤᠳᠤᠷ᠎ᠠ 3700 ᠶᠠᠳᠠᠭᠤ ᠬᠦᠴᠢᠷᠳᠡᠯᠳᠡᠢ ᠮᠠᠯᠴᠢᠨ ᠳᠠᠷᠢᠶᠠᠴᠢᠨ ᠢ ᠳᠤᠭᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠬᠤ ᠶᠢ ᠪᠡᠶᠡᠯᠡᠬᠦᠯᠦᠨ᠎ᠡ᠃ ᠳᠤᠭᠳᠠᠭᠰᠠᠨ ᠭᠠᠵᠠᠷ ᠲᠤ ᠶᠠᠳᠠᠭᠤ ᠶᠢ ᠳᠡᠳᠬᠦᠬᠦ ᠠᠵᠢᠯ ᠢ | ᠦᠷᠬᠦᠯᠵᠢᠯᠡᠨ ᠬᠦᠨᠵᠡᠬᠡᠶᠢᠷᠡᠬᠦᠯᠵᠤ᠂ ᠡᠯ᠎ᠡ ᠬᠠᠪᠰᠤᠷᠤᠨ ᠳᠡᠳᠬᠦᠬᠦ ᠰᠠᠯᠠᠭ᠎ᠠ ᠮᠦᠴᠢᠷ ᠤᠨ ᠦᠢᠯᠡᠳᠦᠯ ᠢ | ᠪᠦᠳᠦᠮᠵᠢᠳᠡᠢ ᠪᠠᠳᠠᠷᠠᠭᠤᠯᠵᠤ᠂ ᠶᠠᠳᠠᠭᠤ ᠬᠦᠴᠢᠷᠳᠡᠯᠳᠡᠢ ᠭᠠᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ | ᠭᠤᠤᠯᠴᠢᠯᠠᠨ ᠰᠠᠶᠢᠵᠢᠷᠠᠭᠤᠯᠵᠤ᠂ ᠬᠦᠴᠢᠷᠳᠡᠯᠳᠡᠢ ᠬᠡᠷ ᠪᠦᠯᠢ ᠶᠢᠨ ᠡᠮᠴᠢᠯᠡᠭᠡ᠂ ᠨᠡᠶᠢᠬᠡᠮ ᠤᠨ ᠪᠠᠳᠤᠯᠠᠪᠤᠷᠢ᠂ ᠠᠵᠢᠯ | ᠤᠯᠭᠤᠯᠳᠠ ᠵᠢᠴᠢ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠬᠤ ᠵᠡᠷᠬᠡ ᠠᠰᠠᠭᠤᠳᠠᠯ ᠢ ᠰᠠᠶᠢᠳᠤᠷ | ᠰᠢᠢᠳᠪᠦᠷᠢᠯᠡᠵᠤ᠂ ᠶᠠᠳᠠᠭᠤ ᠶᠢ ᠳᠡᠳᠬᠦᠬᠦ ᠦᠷ᠎ᠡ ᠪᠦᠳᠦᠮᠵᠢ ᠶᠢ ᠬᠠᠮᠤᠭ ᠶᠡᠭᠡ ᠬᠡᠮᠵᠢᠶ᠎ᠡ ᠪᠠᠷ ᠳᠡᠬᠡᠭᠰᠢᠯᠡᠬᠦᠯᠦᠨ᠎ᠡ᠃ | ᠬᠠᠮᠢᠶ᠎ᠠ ᠪᠦᠬᠦᠢ ᠬᠠᠪᠰᠤᠷᠤᠨ ᠳᠡᠮᠵᠢᠬᠦ ᠳᠦᠷᠦ ᠶᠢᠨ ᠪᠤᠳᠤᠯᠭ᠎ᠠ ᠶᠢ ᠳᠤᠭᠳᠠᠭᠠᠵᠤ᠂ ᠮᠠᠯᠵᠢᠬᠤ ᠤᠷᠤᠨ ᠳᠤ ᠳᠠᠷᠬᠠᠨ | ᠰᠠᠭᠤᠷᠢᠰᠢᠭ᠎ᠠ ᠮᠠᠯᠴᠢᠳ ᠬᠤᠳᠠ ᠪᠠᠯᠭᠠᠰᠤᠨ ᠳᠤ ᠰᠢᠯᠵᠢᠬᠦ ᠶᠢ ᠵᠤᠷᠢᠭᠵᠢᠭᠤᠯᠤᠨ᠎ᠠ᠃ ᠬᠤᠳᠠ ᠳᠤ ᠤᠷᠤᠭᠰᠠᠨ | ᠮᠠᠯᠴᠢᠨ ᠳᠠᠷᠢᠶᠠᠴᠢᠳ ᠪᠠ ᠬᠤᠳᠠ ᠪᠠᠯᠭᠠᠰᠤᠨ ᠤ ᠰᠠᠭᠤᠭᠠᠯᠢ ᠠᠷᠠᠳ ᠨᠡᠶᠢᠬᠡᠮ ᠤᠨ ᠪᠠᠳᠤᠯᠠᠪᠤᠷᠢ᠂ ᠨᠡᠶᠢᠬᠡᠮ ᠤᠨ | ᠦᠢᠯᠡᠴᠢᠯᠡᠬᠡᠨ ᠤ ᠳᠠᠯ᠎ᠠ ᠪᠠᠷ ᠠᠳᠠᠯᠢ ᠳᠡᠭᠰᠢ ᠪᠠᠶᠢᠬᠤ ᠶᠢ ᠳᠦᠯᠬᠢᠨ ᠠᠬᠢᠭᠤᠯᠵᠤ᠂ ᠬᠤᠳᠠ ᠳᠤ ᠤᠷᠤᠭᠰᠠᠨ | ᠮᠠᠯᠴᠢᠨ ᠳᠠᠷᠢᠶᠠᠴᠢᠳ ᠢ ᠵᠢᠩᠬᠢᠨᠢ ᠬᠤᠳᠠ ᠶᠢᠨ ᠠᠷᠠᠳ ᠪᠤᠯᠭᠠᠵᠤ᠂ ᠬᠤᠳᠠ ᠪᠠᠯᠭᠠᠰᠤᠨ ᠳᠤ ᠠᠭᠤᠰᠤᠨ᠂ ᠤᠳᠤ | ᠦᠶ᠎ᠡ ᠶᠢᠨ ᠪᠤᠯᠪᠠᠰᠤᠨ ᠢ ᠬᠠᠮᠳᠤᠪᠠᠷ ᠡᠳ᠋ᠯᠡᠬᠦ ᠪᠤᠯᠭᠠᠨ᠎ᠠ᠃ | ᠰᠤᠷᠭᠠᠨ ᠬᠦᠮᠦᠵᠢᠯ ᠤᠨ ᠦᠢᠯᠡᠰ ᠢ ᠡᠩ ᠳᠡᠷᠢᠬᠦᠨ ᠳᠤ ᠬᠦᠭᠵᠢᠬᠦᠯᠦᠨ᠎ᠡ᠃ ᠪᠦᠬᠦ ᠠᠶᠢᠮᠠᠭ ᠤᠨ ᠰᠤᠷᠭᠠᠨ | ᠬᠦᠮᠦᠵᠢᠯ ᠤᠨ ᠦᠬᠡᠷᠡᠴᠢᠯᠡᠯᠳᠡ ᠬᠦᠭᠵᠢᠯᠳᠡ ᠶᠢ ᠳᠦᠷᠬᠡᠳᠬᠡᠬᠦ ᠳᠤᠬᠠᠢ ᠰᠠᠨᠠᠯ ᠢ ᠪᠦᠬᠦ ᠳᠠᠯ᠎ᠠ ᠪᠠᠷ | ᠨᠠᠶᠢᠳᠠᠪᠦᠷᠢᠵᠢᠭᠤᠯᠵᠤ᠂ ᠪᠠᠭᠰᠢ ᠶᠢᠨ ᠮᠤᠷᠠᠯ ᠰᠤᠷᠳᠠᠯ ᠪᠠ ᠰᠤᠷᠤᠭᠴᠢ ᠶᠢᠨ ᠦᠵᠡᠯ ᠰᠠᠨᠠᠭ᠎ᠠ ᠶᠤᠰᠤ ᠰᠤᠷᠳᠠᠬᠤᠨ | ᠤ ᠪᠠᠶᠢᠭᠤᠯᠤᠯᠳᠠ ᠶᠢ ᠬᠦᠴᠦ ᠳᠠᠯᠪᠢᠨ ᠴᠢᠩᠭᠠᠳᠬᠠᠵᠤ᠂ ᠪᠠᠭᠰᠢ ᠶᠢᠨ ᠡᠩᠨᠡᠬᠡᠨ ᠤ ᠬᠡᠪ ᠪᠤᠯᠪᠠᠰᠤᠷᠠᠯ ᠢ | ᠶᠡᠬᠡᠪᠡᠷ ᠳᠡᠬᠡᠭᠰᠢᠯᠡᠬᠦᠯᠦᠨ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠤ ᠶᠢ ᠠᠬᠢᠭᠤᠯᠤᠨ᠎ᠠ︔ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢ ᠬᠦᠨᠵᠡᠬᠡᠶᠢᠷᠡᠬᠦᠯᠦᠨ ᠠᠬᠢᠭᠤᠯᠵᠤ᠂ | ᠵᠢᠭᠠᠨ ᠰᠤᠳᠤᠯᠤᠯᠳᠠ ᠰᠤᠷᠭᠠᠨ ᠬᠦᠮᠦᠵᠢᠯ ᠤᠨ ᠦᠬᠡᠷᠡᠴᠢᠯᠡᠯᠳᠡ ᠬᠢᠬᠦ ᠪᠠᠨ ᠳᠦᠷᠬᠡᠳᠬᠡᠨ᠂ ᠵᠢᠭᠠᠨ ᠰᠤᠷᠭᠠᠬᠤ | ᠶᠠᠰᠤ ᠴᠢᠨᠠᠷ ᠪᠠ ᠬᠢᠷᠢ ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ ᠦᠨᠳᠦᠰᠦᠳᠡᠨ ᠤ ᠰᠤᠷᠭᠠᠨ ᠬᠦᠮᠦᠵᠢᠯ | ᠢ ᠡᠩ ᠳᠡᠷᠢᠬᠦᠨ ᠳᠤ ᠭᠤᠤᠯᠳᠠᠯᠭ᠎ᠠ ᠲᠠᠢ ᠬᠦᠭᠵᠢᠬᠦᠯᠦᠨ᠂ ᠦᠨᠳᠦᠰᠦᠳᠡᠨ ᠤ ᠤᠨᠴᠠᠯᠢᠭ ᠲᠠᠢ ᠰᠤᠷᠭᠠᠭᠤᠯᠢ ᠶᠢ | ᠴᠤᠭᠴᠠᠯᠠᠨ ᠪᠠᠶᠢᠭᠤᠯᠬᠤ ᠶᠢ ᠰᠠᠶᠢᠳᠤᠷ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠭᠤᠷᠪᠠᠨᠵᠢᠯ ᠤᠨ ᠠᠵᠢᠯᠯᠠᠭ᠎ᠠ ᠶᠢᠨ ᠳᠦᠯᠦᠪᠯᠡᠭᠡ ᠶᠢ ᠳᠦᠷᠬᠡᠳᠬᠡᠨ ᠬᠡᠷᠡᠭᠵᠢᠬᠦᠯᠦᠨ᠎ᠡ᠃ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠣᠨᠰᠠᠭᠤᠷᠢ ᠳᠦᠬᠦᠬᠡᠷᠦᠮᠵᠢ ᠶᠢ ᠦᠷᠬᠦᠯᠵᠢᠯᠡᠨ ᠳᠡᠬᠦᠯᠳᠡᠷᠵᠢᠬᠦᠯᠵᠤ᠂ 2 | ᠬᠡᠦᠬᠡᠳ ᠤᠨ ᠴᠡᠴᠡᠷᠯᠢᠭ᠂ 4 ᠳᠤᠮᠳᠠᠳᠤ ᠪᠠᠭ᠎ᠠ ᠰᠤᠷᠭᠠᠭᠤᠯᠢ ᠶᠢᠨ ᠳᠠᠮᠢᠷ ᠤᠨ ᠬᠦᠳᠡᠯᠬᠡᠬᠡᠨ ᠤ ᠳᠠᠰᠤᠭ ᠪᠠ 4 | ᠰᠤᠮᠤ ᠪᠠᠯᠭᠠᠰᠤᠨ ᠤ ᠪᠠᠭ᠎ᠠ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠳᠦᠪ ᠤᠨ ᠪᠦᠳᠦᠬᠡᠨ ᠪᠠᠶᠢᠭᠤᠯᠤᠯᠳᠠ ᠶᠢ | ᠳᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠢᠶᠠᠷ ᠰᠤᠷᠤᠯᠭ᠎ᠠ ᠳᠡᠳᠬᠦᠬᠦ᠂ ᠠᠵᠢᠯᠴᠢᠨ ᠤ ᠡᠪᠯᠡᠯ ᠠᠴᠠ | ᠬᠦᠴᠢᠷ ᠢ ᠬᠠᠪᠰᠤᠷᠬᠤ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠳᠦᠬᠡᠮᠡᠯ ᠬᠠᠶᠢᠷ᠎ᠠ ᠶᠢᠨ ᠳᠤᠰᠠᠯᠠᠮᠵᠢ | ᠬᠦᠷᠳᠡᠬᠡᠬᠦ ᠵᠡᠷᠬᠡ ᠨᠡᠶᠢᠬᠡᠮ ᠤᠨ ᠳᠤᠰᠠᠯᠠᠮᠵᠢ ᠶᠢᠨ ᠪᠡᠯᠡ ᠮᠦᠩᠬᠦ ᠶᠢ ᠨᠢᠬᠡᠳᠬᠡᠨ ᠨᠡᠶᠢᠯᠡᠬᠦᠯᠵᠤ᠂ ᠬᠦᠴᠢᠷᠳᠡᠯᠳᠡᠢ ᠬᠡᠷ | ᠪᠦᠯᠢ ᠶᠢᠨ ᠰᠤᠷᠤᠭᠴᠢᠳ ᠢ ᠠᠪᠤᠷᠠᠨ ᠳᠤᠰᠠᠯᠠᠬᠤ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠳᠡᠯᠳᠡᠢ ᠬᠡᠷ | ᠪᠦᠯᠢ ᠶᠢᠨ ᠬᠡᠦᠬᠡᠳ ᠢ ᠡᠬᠢᠯᠡᠯᠳᠡ ᠶᠢᠨ ᠱᠤᠭᠤᠮ ᠳᠡᠬᠡᠷ᠎ᠡ ᠪᠤᠰᠤᠳ ᠠᠴᠠ ᠬᠤᠴᠤᠷᠭᠠᠬᠤ ᠦᠬᠡᠢ ᠪᠠᠶᠢᠯᠭᠠᠨ᠎ᠠ᠃ | ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ | ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠳᠦᠯᠬᠢᠨ ᠠᠬᠢᠭᠤᠯᠵᠤ᠂ ᠤᠯᠤᠰ ᠤᠨ ᠦᠨᠳᠦᠰᠦᠨ | ᠡᠮ ᠤᠨ ᠳᠦᠷᠢᠮ ᠢ ᠬᠡᠷᠡᠭᠵᠢᠬᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ | ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠳᠦᠷᠬᠡᠳᠬᠡᠨ᠎ᠡ᠃ ᠡᠮᠴᠢ ᠶᠢᠨ ᠡᠩᠨᠡᠭᠡ ᠪᠠ ᠡᠮ ᠡᠮᠨᠡᠯᠬᠡ ᠡᠷᠡᠬᠦᠯ ᠬᠠᠮᠠᠭᠠᠯᠠᠯ | ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠬᠢᠳᠡᠳ ᠮᠤᠩᠭᠤᠯ ᠡᠮ ᠡᠮᠨᠡᠯᠬᠡ | ᠶᠢᠨ ᠦᠢᠯᠡᠰ ᠤᠨ ᠬᠦᠭᠵᠢᠯᠳᠡ ᠶᠢ ᠶᠡᠬᠡᠪᠡᠷ ᠳᠡᠳᠬᠦᠵᠤ᠂ ᠬᠤᠰᠢᠭᠤᠨ ᠤ ᠬᠢᠳᠠᠳ ᠮᠤᠩᠭᠤᠯ ᠡᠮᠨᠡᠯᠬᠡ ᠶᠢᠨ | ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠤ᠂ ᠦᠨᠳᠦᠰᠦᠨ ᠱᠠᠳᠤᠨ ᠤ | ᠰᠤᠮᠤ ᠶᠢᠨ 5 ᠡᠷᠡᠬᠦᠯ ᠬᠠᠮᠠᠭᠠᠯᠠᠯ ᠤᠨ ᠬᠤᠷᠢᠶ᠎ᠠ ᠶᠢ ᠡᠬᠢᠯᠡᠵᠤ ᠪᠦᠳᠦᠬᠡᠨ ᠪᠠᠶᠢᠭᠤᠯᠤᠨ᠎ᠠ᠃ ᠰᠤᠮᠤ ᠪᠠᠯᠭᠠᠰᠤᠨ ᠤ | ᠡᠷᠡᠬᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠳᠡᠰ ᠤᠨ ᠡᠮᠨᠡᠯᠬᠡ ᠶᠢᠨ ᠪᠠᠶᠢᠭᠤᠯᠤᠮᠵᠢ ᠶᠢᠨ ᠪᠠᠴᠢᠮ | ᠠᠪᠤᠷᠠᠯᠳᠠ ᠬᠢᠬᠦ᠂ ᠰᠢᠯᠵᠢᠬᠦᠯᠦᠨ ᠤᠨᠤᠰᠢᠯᠠᠬᠤ ᠴᠢᠳᠠᠪᠤᠷᠢ ᠶᠢᠨ ᠪᠠᠶᠢᠭᠤᠯᠤᠯᠳᠠ ᠶᠢ ᠢᠳᠡᠪᠬᠢᠳᠡᠢ ᠳᠦᠯᠬᠢᠨ | ᠠᠬᠢᠭᠤᠯᠵᠤ᠂ ᠭᠠᠴᠠᠭ᠎ᠠ ᠳᠤᠰᠬᠤᠨ ᠤ ᠡᠷᠡᠬᠦᠯ ᠬᠠᠮᠠᠭᠠᠯᠠᠯ ᠤᠨ ᠳᠠᠰᠤᠭ ᠤᠨ ᠡᠮᠴᠢᠯᠡᠬᠡᠨ ᠤ ᠨᠦᠬᠦᠴᠡᠯ ᠢ | ᠰᠠᠶᠢᠵᠢᠷᠠᠭᠤᠯᠵᠤ᠂ ᠰᠢᠨ᠎ᠡ ᠬᠡᠯᠪᠡᠷᠢ ᠶᠢᠨ ᠮᠠᠯᠵᠢᠬᠤ ᠳᠠᠷᠢᠶᠠᠯᠠᠬᠤ ᠤᠷᠤᠨ ᠤ ᠬᠤᠷᠰᠢᠭᠰᠠᠨ ᠡᠮᠨᠡᠯᠬᠡ ᠶᠢᠨ | ᠬᠠᠮᠢᠶᠠᠷᠤᠯᠳᠠ ᠦᠢᠯᠡᠴᠢᠯᠡᠬᠡᠨ ᠤ ᠳᠦᠪᠰᠢᠨ ᠢ ᠳᠡᠬᠡᠭᠰᠢᠯᠡᠬᠦᠯᠦᠨ᠎ᠡ᠃ ᠵᠢᠯ ᠪᠦᠷᠢ 70 ᠳᠦᠮᠡᠨ ᠳᠦᠬᠦᠷᠢᠭ ᠤᠨ | ᠪᠡᠯᠡ ᠤᠷᠤᠭᠤᠯᠵᠤ᠂ ᠬᠡᠷ ᠪᠦᠯᠢ ᠶᠢᠨ ᠡᠮ ᠤᠨ ᠬᠠᠶᠢᠷᠴᠠᠭ ᠤᠨ ᠡᠮ ᠢ ᠨᠦᠬᠦᠪᠦᠷᠢᠯᠡᠬᠦ ᠠᠵᠢᠯ ᠢ ᠰᠠᠶᠢᠳᠤᠷ ᠬᠢᠨ᠎ᠡ᠃ | ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠢᠳᠡᠬᠡᠨ ᠤ ᠵᠦᠢᠯ ᠡᠮ ᠤᠨ ᠵᠦᠢᠯᠡᠰ ᠤᠨ | ᠠᠮᠤᠷ ᠳᠦᠪᠰᠢᠨ ᠢ ᠦᠨᠡᠨᠬᠦ ᠪᠠᠳᠤᠯᠠᠨ᠎ᠠ᠃ ᠳᠦᠷᠦᠬᠦ ᠬᠡᠦᠬᠡᠳ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠵᠤ᠂ | ᠳᠤᠤᠷ᠎ᠠ ᠳᠦᠷᠦᠯᠳᠡ ᠶᠢᠨ ᠬᠢᠷᠢ ᠳᠦᠪᠰᠢᠨ ᠢ ᠳᠤᠭᠳᠠᠪᠤᠷᠢᠵᠢᠭᠤᠯᠤᠨ᠂《 ᠬᠤᠶᠠᠳᠤᠭᠠᠷ ᠬᠡᠦᠬᠡᠳ | ᠠᠪᠬᠤ》ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠳᠦᠷᠦᠯᠳᠡ ᠶᠢᠨ ᠨᠤᠷᠮ᠎ᠠ | ᠶᠢ 10.5‰ ᠳᠤᠳᠤᠷ᠎ᠠ ᠬᠢᠵᠠᠭᠠᠷᠯᠠᠨ᠎ᠠ᠃ | ᠰᠢᠨᠵᠢᠯᠡᠭᠡ ᠮᠡᠷᠬᠡᠵᠢᠯ ᠰᠤᠶᠤᠯ ᠤᠨ ᠦᠢᠯᠡᠰ ᠢ ᠳᠦᠷᠬᠡᠳᠬᠡᠨ ᠠᠬᠢᠭᠤᠯᠤᠨ᠎ᠠ᠃ ᠰᠢᠨᠵᠢᠯᠡᠭᠡ ᠮᠡᠷᠬᠡᠵᠢᠯ ᠤᠨ | ᠴᠢᠳᠠᠪᠤᠷᠢᠳᠠᠨ ᠢ ᠤᠷᠢᠨ ᠤᠷᠤᠭᠤᠯᠬᠤ ᠪᠠ ᠬᠦᠮᠦᠵᠢᠬᠦᠯᠬᠦ ᠪᠠᠨ ᠴᠢᠩᠭᠠᠳᠬᠠᠨ᠂ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠬᠦᠳᠬᠦ ᠪᠠ ᠮᠡᠷᠬᠡᠵᠢᠯ ᠤᠨ ᠦᠬᠡᠷᠡᠴᠢᠯᠡᠯᠳᠡ ᠬᠢᠬᠦ ᠶᠢ ᠵᠤᠷᠢᠭᠵᠢᠭᠤᠯᠵᠤ ᠳᠡᠮᠵᠢᠨ᠂ | ᠰᠢᠨᠵᠢᠯᠡᠭᠡ ᠮᠡᠷᠬᠡᠵᠢᠯ ᠠᠴᠠ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠬᠦ | ᠬᠤᠪᠢ ᠨᠡᠮᠡᠷᠢ ᠶᠢ ᠨᠡᠮᠡᠭᠳᠡᠬᠦᠯᠦᠨ᠎ᠡ᠃ ᠪᠠᠶᠠᠨᠬᠤᠳᠠ ᠶᠢᠨ ᠬᠤᠳᠠ ᠶᠢᠨ ᠪᠠᠷᠠᠭᠤᠨ ᠳᠤᠭᠤᠷᠢᠭ ᠤᠨ 4 ᠰᠠᠶ᠎ᠠ ᠸᠠᠲ | ᠤᠨ ᠨᠡᠶᠢᠳᠡ ᠶᠢᠨ ᠪᠠᠷᠢᠯᠭ᠎ᠠ ᠶᠢᠨ ᠬᠡᠷᠡᠯ ᠴᠠᠬᠢᠯᠭᠠᠨ ᠢ ᠨᠢᠬᠡ ᠴᠤᠭᠴᠠᠵᠢᠭᠤᠯᠤᠭᠰᠠᠨ ᠬᠡᠷᠡᠭᠯᠡᠬᠡᠨ ᠤ ᠵᠢᠱᠢᠶ᠎ᠡ | ᠦᠵᠡᠬᠦᠯᠬᠦ ᠳᠦᠷᠦᠯ ᠵᠦᠢᠯ ᠢ ᠬᠡᠷᠡᠭᠵᠢᠬᠦᠯᠦᠨ᠎ᠡ᠃ ᠰᠢᠨᠵᠢᠯᠡᠭᠡ ᠮᠡᠷᠬᠡᠵᠢᠯ ᠤᠨ ᠤᠨᠴᠠ ᠳᠤᠮᠢᠯᠠᠭᠴᠢ ᠶᠢᠨ ᠳᠦᠷᠢᠮ | ᠢ ᠬᠦᠨᠵᠡᠬᠡᠶᠢᠷᠡᠬᠦᠯᠵᠤ᠂ ᠬᠡᠷᠡᠭᠯᠡᠬᠡᠨ ᠤ ᠮᠡᠷᠬᠡᠵᠢᠯ ᠢ ᠳᠦᠬᠡᠮᠡᠯᠵᠢᠬᠦᠯᠵᠤ ᠬᠡᠷᠡᠭᠯᠡᠬᠦ ᠪᠠᠨ ᠴᠢᠩᠭᠠᠳᠬᠠᠵᠤ᠂ ᠵᠢᠯ | ᠤᠨ ᠳᠤᠳᠤᠷ᠎ᠠ 1.2 ᠳᠦᠮᠡᠨ ᠬᠦᠮᠦᠨ ᠤᠳᠠᠭ᠎ᠠ ᠶᠢᠨ ᠮᠠᠯᠴᠢᠨ ᠳᠠᠷᠢᠶᠠᠴᠢᠨ ᠳᠤ ᠪᠤᠯᠪᠠᠰᠤᠷᠠᠯ ᠬᠦᠷᠳᠡᠬᠡᠨ᠎ᠡ᠃ | ᠰᠤᠶᠤᠯ ᠤᠨ ᠦᠢᠯᠡᠰ ᠤᠨ ᠬᠦᠭᠵᠢᠯᠳᠡ ᠶᠢ ᠳᠦᠷᠬᠡᠳᠬᠡᠵᠤ᠂ ᠰᠤᠶᠤᠯ ᠤᠨ ᠦᠢᠯᠡᠴᠢᠯᠡᠬᠡᠨ ᠤ ᠰᠢᠰᠲ᠋ᠧᠮ ᠪᠠ | ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠤᠯᠠᠮᠵᠢᠯᠠᠯᠳᠤ ᠰᠤᠶᠤᠯ ᠪᠠ ᠪᠤᠳᠠᠰ ᠤᠨ | ᠪᠤᠰᠤ ᠰᠤᠶᠤᠯ ᠤᠨ ᠦᠪ ᠢ ᠠᠭᠤᠳᠠᠯᠯᠠᠵᠤ᠂ ᠬᠠᠮᠠᠭᠠᠯᠠᠬᠤ ᠪᠠ ᠤᠯᠠᠮᠵᠢᠯᠠᠨ ᠬᠦᠭᠵᠢᠬᠦᠯᠬᠦ ᠪᠠᠨ ᠴᠢᠩᠭᠠᠳᠬᠠᠵᠤ᠂ | ᠰᠤᠶᠤᠯ ᠤᠨ ᠰᠤᠳᠤᠨ ᠪᠦᠳᠦᠬᠡᠯ ᠵᠤᠬᠢᠶᠠᠨ ᠪᠦᠳᠦᠬᠡᠬᠦ ᠠᠵᠢᠯ ᠢ ᠦᠷᠨᠢᠬᠦᠯᠵᠤ᠂《 ᠳᠡᠭᠷᠢ ᠶᠢᠨ ᠪᠤᠳᠤᠭᠤ》 | ᠮᠤᠩᠭᠤᠯ ᠰᠢᠯᠦᠭ ᠤᠨ ᠨᠠᠭᠠᠳᠤᠮ ᠢ ᠦᠷᠬᠦᠯᠵᠢᠯᠡᠨ ᠰᠠᠶᠢᠳᠤᠷ ᠡᠷᠬᠢᠯᠡᠵᠤ᠂《 ᠴᠢᠯᠠᠭᠤᠨ ᠬᠦᠭᠵᠢᠮᠳᠡᠬᠦᠷ ᠤᠨ | ᠳᠠᠭᠤᠤ ᠬᠦᠭᠵᠢᠮ ᠤᠨ ᠦᠳᠡᠰᠢᠯᠡᠭᠡ》 ᠶᠢ ᠡᠬᠦᠳᠦᠨ᠎ᠡ︔ ᠮᠠᠯᠵᠢᠬᠤ ᠳᠠᠷᠢᠶᠠᠯᠠᠬᠤ ᠤᠷᠤᠨ ᠤ《 ᠤᠪᠤᠭᠠᠨ | ᠨᠠᠶᠢᠷ》 ᠵᠡᠷᠬᠡ ᠦᠨᠳᠦᠰᠦᠳᠡᠨ ᠤ ᠠᠷᠠᠳ ᠤᠨ ᠳᠤᠮᠳᠠᠬᠢ ᠰᠤᠶᠤᠯ ᠤᠨ ᠠᠵᠢᠯᠯᠠᠭ᠎ᠠ ᠶᠢ ᠵᠢᠯᠤᠭᠤᠳᠤᠨ | ᠳᠡᠮᠵᠢᠨ᠎ᠡ᠃ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ ᠶᠢ ᠬᠠᠮᠳᠤᠪᠠᠷ ᠡᠳ᠋ᠯᠡᠬᠦ ᠵᠡᠷᠬᠡ ᠰᠤᠶᠤᠯ ᠢᠶᠠᠷ | ᠠᠷᠠᠳ ᠢ ᠬᠠᠷᠠᠭᠠᠯᠵᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠰᠤᠮᠤ ᠪᠠᠯᠭᠠᠰᠤᠨ ᠤ | ᠶᠡᠷᠦᠩᠬᠡᠶᠢᠯᠡᠭᠰᠡᠨ ᠰᠤᠶᠤᠯ ᠤᠨ ᠦᠷᠳᠡᠬᠡᠨ ᠤ ᠳᠦᠬᠦᠷ ᠳᠦᠬᠦᠬᠡᠷᠦᠮᠵᠢ ᠶᠢ ᠤᠯᠠᠮ ᠨᠢᠬᠡ ᠠᠯᠬᠤᠮ | ᠰᠠᠶᠢᠵᠢᠷᠠᠭᠤᠯᠤᠨ᠎ᠠ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠳᠠ ᠪᠠ ᠠᠩᠬᠠᠳᠠᠭᠴᠢ ᠤᠳᠠᠭᠠᠨ ᠤ ᠰᠢᠯᠵᠢᠬᠦᠯᠵᠤ ᠪᠤᠯᠬᠤ ᠳᠡᠦᠬᠡ ᠶᠢᠨ ᠳᠤᠷᠠᠰᠬᠠᠯᠳᠤ ᠵᠦᠢᠯ ᠤᠨ | ᠨᠡᠶᠢᠳᠡᠮ ᠪᠠᠶᠢᠴᠠᠭᠠᠯᠳᠠ ᠶᠢ ᠰᠠᠶᠢᠳᠤᠷ ᠦᠷᠨᠢᠬᠦᠯᠦᠨ᠎ᠡ᠃ ᠨᠡᠶᠢᠬᠡᠮ ᠤᠨ ᠦᠩᠬᠡᠨ ᠬᠡᠷᠡᠭᠯᠡᠬᠡᠨ ᠳᠤ ᠮᠤᠩᠭᠤᠯ ᠬᠢᠳᠠᠳ | ᠬᠤᠶᠠᠷ ᠬᠡᠯᠡ ᠶᠢ ᠵᠡᠷᠬᠡᠪᠡᠷ ᠬᠡᠷᠡᠭᠯᠡᠬᠦ ᠠᠵᠢᠯ ᠢ ᠴᠢᠩᠭᠠᠳᠬᠠᠵᠤ᠂ ᠦᠨᠳᠦᠰᠦᠳᠡᠨ ᠤ ᠠᠵᠢᠯ ᠦᠢᠯᠡᠰ ᠤᠨ | ᠬᠦᠭᠵᠢᠯᠳᠡ ᠶᠢ ᠠᠬᠢᠭᠤᠯᠤᠨ᠂ ᠡᠷᠬᠡ ᠳᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ | ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠪᠠᠬᠢᠵᠢᠬᠦᠯᠦᠨ ᠬᠦᠭᠵᠢᠬᠦᠯᠦᠨ᠎ᠡ᠃ ᠬᠤᠶᠠᠷ | ᠢ ᠬᠦᠷᠢᠶᠡᠯᠡᠵᠤ ᠬᠠᠮᠳᠤᠪᠠᠷ ᠪᠠᠶᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠬᠦᠯᠵᠤ᠂《 ᠬᠤᠶᠠᠷ ᠢ ᠬᠦᠷᠢᠶᠡᠯᠡᠭᠰᠡᠨ | ᠵᠢᠱᠢᠶᠡᠴᠢ ᠬᠤᠰᠢᠭᠤ》 ᠶᠢᠨ ᠴᠤᠭᠴᠠᠯᠠᠯᠳᠠ ᠶᠢᠨ ᠦᠷ᠎ᠡ ᠪᠦᠳᠦᠮᠵᠢ ᠶᠢ ᠪᠠᠳᠤᠳᠬᠠᠨ᠎ᠠ᠃ | ︵ᠨᠠᠢᠮᠠ︶ ᠨᠡᠶᠢᠬᠡᠮ ᠤᠨ ᠬᠠᠮᠢᠶᠠᠷᠤᠯᠳᠠ ᠶᠢ ᠴᠢᠩᠭᠠᠳᠬᠠᠨ ᠰᠢᠨᠡᠴᠢᠯᠡᠵᠤ᠂ ᠨᠡᠶᠢᠬᠡᠮ ᠤᠨ ᠡᠶ᠎ᠡ ᠵᠤᠬᠢᠴᠠᠩᠭᠤᠢ | ᠠᠮᠤᠷ ᠳᠤᠭᠳᠠᠭᠤᠨ ᠢ ᠠᠬᠢᠭᠤᠯᠤᠨ᠎ᠠ᠃ | ᠨᠡᠶᠢᠬᠡᠮ ᠤᠨ ᠡᠷᠬᠡ ᠳᠡᠭᠰᠢ ᠳᠦᠪ ᠭᠤᠤᠯᠴᠢ ᠶᠢ ᠠᠬᠢᠭᠤᠯᠬᠤ ᠪᠠᠷ ᠤᠭ ᠵᠤᠷᠢᠯᠭ᠎ᠠ ᠪᠠᠨ ᠪᠤᠯᠭᠠᠵᠤ᠂ ᠨᠡᠶᠢᠬᠡᠮ | ᠤᠨ ᠵᠠᠰᠠᠯᠳᠠ ᠶᠢ ᠴᠢᠩᠭᠠᠳᠬᠠᠨ᠂ ᠨᠡᠶᠢᠬᠡᠮ ᠤᠨ ᠬᠦᠭᠵᠢᠯᠳᠡ ᠠᠮᠢᠵᠢᠷᠠᠯ ᠤᠨ ᠬᠦᠴᠦᠨ ᠪᠢᠯᠬᠠᠭᠰᠠᠨ ᠮᠦᠷᠳᠡᠬᠡᠨ | ᠡᠶ᠎ᠡ ᠨᠠᠶᠢᠷᠠᠮᠳᠠᠭᠤ ᠡᠮᠬᠢ ᠴᠡᠭᠴᠡ ᠲᠠᠢ ᠪᠠᠶᠢᠬᠤ ᠶᠢ ᠦᠨᠡᠨᠬᠦ ᠪᠠᠳᠤᠯᠠᠨ᠎ᠠ᠃ | ᠨᠡᠶᠢᠬᠡᠮ ᠤᠨ ᠵᠠᠰᠠᠯᠳᠠ ᠶᠢᠨ ᠬᠢᠷᠢ ᠳᠦᠪᠰᠢᠨ ᠢ ᠳᠡᠬᠡᠭᠰᠢᠯᠡᠬᠦᠯᠦᠨ᠎ᠡ᠃ ᠨᠡᠶᠢᠬᠡᠮ ᠤᠨ ᠳᠤᠭᠳᠠᠭᠤᠨ ᠤ ᠳᠦᠭᠰᠢᠬᠦᠷᠢ | ᠶᠢ ᠦᠨᠡᠯᠡᠬᠦ ᠳᠤᠭᠳᠠᠴᠠ ᠶᠢ ᠳᠡᠬᠦᠯᠳᠡᠷᠵᠢᠬᠦᠯᠵᠤ᠂《 ᠨᠢᠬᠡ ᠦᠷᠳᠡᠬᠡᠨ ᠤ ᠬᠡᠯᠪᠡᠷᠢᠳᠤ》 ᠵᠠᠬᠢᠳᠠᠯ | ᠰᠤᠷᠪᠤᠯᠵᠢᠯᠠᠭ᠎ᠠ ᠶᠢ ᠬᠠᠮᠳᠤᠷᠠᠨ ᠬᠦᠯᠢᠶᠡᠨ ᠠᠪᠬᠤ ᠳᠦᠪ ᠢ ᠪᠠᠶᠢᠭᠤᠯᠵᠤ᠂ ᠨᠡᠶᠢᠬᠡᠮ ᠤᠨ ᠵᠦᠷᠢᠴᠡᠯ ᠢ ᠡᠬᠢ | ᠡᠬᠦᠰᠦᠯ ᠠᠴᠠ ᠨᠢ ᠰᠡᠷᠬᠡᠶᠢᠯᠡᠵᠤ᠂ ᠪᠠᠶᠢᠴᠠᠭᠠᠵᠤ᠂ ᠨᠠᠮᠳᠠᠭᠤᠯᠤᠨ᠎ᠠ᠃ ᠮᠡᠳᠡᠭᠡ ᠵᠠᠩᠬᠢ ᠶᠢᠨ ᠳᠤᠤᠷ ᠰᠦᠯᠵᠢᠶᠡᠨ | ᠤ ᠬᠢᠨᠠᠨ ᠬᠠᠮᠢᠶᠠᠷᠤᠯᠳᠠ ᠶᠢ ᠳᠡᠬᠦᠯᠳᠡᠷᠵᠢᠬᠦᠯᠵᠤ᠂ ᠳᠤᠤᠷ ᠰᠦᠯᠵᠢᠶᠡᠨ ᠤ ᠮᠡᠳᠡᠭᠡ ᠵᠠᠩᠬᠢ ᠶᠢᠨ ᠬᠠᠮᠢᠶᠠᠷᠤᠯᠳᠠ ᠶᠢᠨ | ᠬᠢᠷᠢ ᠳᠦᠪᠰᠢᠨ ᠢ ᠳᠡᠬᠡᠭᠰᠢᠯᠡᠬᠦᠯᠦᠨ᠎ᠡ᠃ ᠵᠠᠬ᠎ᠠ ᠳᠡᠯᠬᠡᠬᠦᠷ ᠤᠨ ᠡᠮᠬᠢ ᠳᠢᠭᠯᠢᠮ ᠤᠨ ᠬᠢᠨᠠᠨ ᠬᠠᠮᠢᠶᠠᠷᠤᠯᠳᠠ ᠶᠢ | ᠦᠨᠡᠨᠬᠦ ᠴᠢᠩᠭᠠᠳᠬᠠᠵᠤ᠂ ᠡᠬᠢ ᠡᠬᠦᠰᠦᠯ ᠠᠴᠠ ᠨᠢ ᠴᠡᠭᠴᠡᠯᠡᠬᠦ ᠶᠢ ᠴᠢᠩᠭᠠᠳᠬᠠᠨ᠂ ᠦᠢᠯᠡᠳᠪᠦᠷᠢᠯᠡᠯ᠂ ᠬᠦᠢᠯᠬᠡᠬᠡ᠂ | ᠬᠡᠷᠡᠭᠯᠡᠭᠡ ᠶᠢ ᠬᠠᠮᠤᠷᠤᠭᠰᠠᠨ ᠪᠠᠶᠢᠩᠭᠤ ᠶᠢᠨ ᠪᠦᠳᠦᠮᠵᠢᠳᠤ ᠬᠢᠨᠠᠨ ᠬᠠᠮᠢᠶᠠᠷᠤᠯᠳᠠ ᠶᠢᠨ ᠳᠤᠭᠳᠠᠴᠠ ᠶᠢ ᠪᠠᠶᠢᠭᠤᠯᠤᠨ᠎ᠠ | ᠃ ᠪᠠᠴᠢᠮ ᠢ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠡᠯ᠎ᠡ ᠵᠦᠢᠯ ᠤᠨ | ᠬᠡᠨᠡᠳᠳᠡ ᠶᠢᠨ ᠬᠡᠷᠡᠭ ᠢ ᠪᠦᠳᠦᠮᠵᠢᠳᠡᠢ ᠰᠡᠷᠬᠡᠶᠢᠯᠡᠬᠦ ᠪᠠ ᠵᠤᠬᠢᠰᠳᠠᠢ ᠰᠢᠢᠳᠪᠦᠷᠢᠯᠡᠨ᠎ᠡ᠃《 ᠵᠢᠷᠭᠤᠳᠤᠭᠠᠷ ᠳᠠᠪᠤᠨ | ᠵᠢᠯ 》 ᠤᠨ ᠬᠠᠤᠯᠢ ᠳᠦᠬᠡᠮᠡᠯᠵᠢᠬᠦᠯᠦᠯᠳᠡ ᠪᠠ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠯᠠᠪᠳᠠᠭᠤᠨ ᠢᠶᠠᠷ | ᠠᠬᠢᠭᠤᠯᠵᠤ᠂ ᠠᠷᠠᠳ ᠠᠴᠠ ᠡᠶᠡᠳᠡᠬᠦᠯᠬᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ᠂ ᠬᠠᠤᠯᠢ ᠴᠠᠭᠠᠵᠠ ᠪᠠᠷ ᠡᠶᠡᠳᠡᠬᠦᠯᠬᠦ | ᠳᠤᠭᠳᠠᠴᠠ ᠶᠢ ᠳᠡᠬᠦᠯᠳᠡᠷᠵᠢᠬᠦᠯᠦᠨ᠎ᠡ᠃ ᠨᠠᠮ ᠤᠨ ᠬᠡᠰᠢᠬᠦᠨ ᠺᠠᠳ᠋ᠷᠴᠤᠳ ᠤᠯᠠᠨ ᠳᠦᠮᠡᠨ ᠲᠠᠢ ᠬᠠᠷᠢᠯᠴᠠᠵᠤ | ᠦᠢᠯᠡᠴᠢᠯᠡᠬᠦ《456》ᠠᠵᠢᠯᠯᠠᠬᠤ ᠠᠷᠭ᠎ᠠ ᠪᠠ ᠭᠠᠴᠠᠭ᠎ᠠ ᠳᠤᠰᠬᠤᠨ ᠤ ᠠᠷᠠᠳᠴᠢᠯᠠᠯ ᠢᠶᠠᠷ | ᠬᠠᠮᠢᠶᠠᠷᠬᠤ《532》ᠠᠵᠢᠯᠯᠠᠬᠤ ᠠᠷᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠦᠨ᠎ᠡ᠃ ᠵᠡᠬᠡᠯᠢ ᠭᠤᠳᠤᠮᠵᠢ ᠨᠡᠶᠢᠬᠡᠮ | ᠳᠤᠭᠤᠷᠢᠭ ᠤᠨ ᠦᠢᠯᠡᠴᠢᠯᠡᠬᠡᠨ ᠤ ᠴᠢᠳᠠᠪᠬᠢ ᠶᠢ ᠳᠡᠬᠦᠯᠳᠡᠷᠵᠢᠬᠦᠯᠦᠨ᠂ ᠦᠢᠯᠡᠴᠢᠯᠡᠬᠡᠨ ᠤ ᠴᠢᠳᠠᠪᠤᠷᠢ ᠪᠠᠨ | ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠶᠢ ᠴᠢᠩᠭᠠᠳᠬᠠᠨ᠂ ᠠᠵᠤ ᠠᠬᠤᠶᠢᠯᠠᠯ | ᠪᠠ ᠤᠷᠤᠨ ᠨᠤᠳᠤᠭ ᠤᠨ ᠬᠠᠷᠢᠴᠠᠭ᠎ᠠ᠂ ᠠᠵᠤ ᠠᠬᠤᠶᠢᠯᠠᠯ ᠪᠠ ᠤᠯᠠᠨ ᠳᠦᠮᠡᠨ ᠤ ᠬᠠᠷᠢᠴᠠᠭ᠎ᠠ ᠶᠢ ᠴᠢᠷᠮᠠᠶᠢᠨ | ᠰᠠᠶᠢᠵᠢᠷᠠᠭᠤᠯᠤᠨ᠎ᠠ᠃ | ᠠᠮᠤᠷ ᠳᠤᠭᠳᠠᠭᠤᠨ ᠨᠡᠶᠢᠬᠡᠮ ᠤᠨ ᠤᠷᠴᠢᠨ ᠢ ᠪᠦᠷᠢᠯᠳᠦᠬᠦᠯᠦᠨ᠎ᠡ᠃ ᠨᠡᠶᠢᠬᠡᠮ ᠤᠨ ᠠᠮᠤᠷ ᠳᠦᠪᠰᠢᠨ ᠤ | ᠶᠡᠷᠦᠩᠬᠡᠶᠢᠯᠡᠨ ᠵᠠᠰᠠᠯᠳᠠ ᠶᠢ ᠴᠢᠩᠭᠠᠳᠬᠠᠨ᠂《 ᠴᠤᠬᠢᠯᠳᠠ ᠦᠭᠬᠦ᠂ ᠰᠡᠷᠬᠡᠶᠢᠯᠡᠬᠦ᠂ ᠡᠵᠡᠮᠰᠢᠬᠦ ᠰᠢᠰᠲ᠋ᠧᠮ》 ᠤᠨ | ᠪᠠᠶᠢᠭᠤᠯᠤᠯᠳᠠ ᠶᠢ ᠠᠬᠢᠭᠤᠯᠵᠤ᠂《 ᠠᠮᠤᠭᠤᠯᠠᠩ ᠠᠯᠠᠱᠠ》 ᠶᠢᠨ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠬᠡᠢ | ᠦᠷᠨᠢᠬᠦᠯᠦᠨ᠎ᠡ᠃ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ | ᠴᠤᠬᠢᠯᠳᠠ ᠦᠭᠴᠤ᠂ ᠤᠯᠠᠨ ᠳᠦᠮᠡᠨ ᠤ ᠠᠮᠤᠷ ᠳᠦᠪᠰᠢᠨ ᠳᠦᠷᠦᠭᠳᠡᠯ ᠢ ᠨᠡᠮᠡᠭᠳᠡᠬᠦᠯᠦᠨ᠎ᠡ᠃ ᠠᠶᠤᠯᠬᠦᠢ | ᠦᠢᠯᠡᠳᠪᠦᠷᠢᠯᠡᠯ ᠤᠨ《 ᠳᠠᠷᠬᠠᠨ ᠴᠠᠭᠠᠵᠠ》 ᠶᠢ ᠴᠢᠩᠭ᠎ᠠ ᠰᠠᠬᠢᠵᠤ᠂ ᠠᠶᠤᠯᠬᠦᠢ ᠦᠢᠯᠡᠳᠪᠦᠷᠢᠯᠡᠯ ᠢ ᠰᠠᠶᠢᠳᠤᠷ | ᠠᠳᠬᠤᠬᠤ ᠶᠢ ᠴᠤᠴᠠᠯᠳᠠ ᠦᠬᠡᠢ ᠪᠠᠷᠢᠮᠳᠠᠯᠠᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ ᠵᠠᠮ | ᠬᠠᠷᠢᠯᠴᠠᠭ᠎ᠠ ᠳᠡᠬᠡᠬᠡᠪᠦᠷᠢ᠂ ᠠᠶᠤᠯᠳᠤ ᠬᠢᠮᠢ ᠶᠢᠨ ᠪᠤᠳᠠᠰ᠂ ᠬᠤᠸᠠᠷ ᠫᠤᠤᠵᠢᠩ ᠪᠠ ᠢᠳᠡᠬᠡᠨ ᠤ ᠵᠦᠢᠯ ᠡᠮ ᠤᠨ | ᠵᠦᠢᠯ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠠᠵᠢᠯ ᠳᠦᠷᠦᠯ ᠤᠨ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠬᠦᠨᠳᠤ ᠶᠡᠭᠡ ᠠᠶᠤᠯᠬᠦᠢ ᠦᠢᠯᠡᠳᠪᠦᠷᠢᠯᠡᠯ ᠤᠨ ᠬᠡᠷᠡᠭ ᠡᠬᠦᠰᠬᠦ ᠶᠢ ᠡᠷᠡᠰ ᠬᠤᠷᠢᠭᠯᠠᠵᠤ᠂ ᠪᠦᠬᠦ | ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠳᠤᠭᠳᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ | ︵ᠶᠢᠰᠦ︶ ᠦᠬᠡᠷᠡᠴᠢᠯᠡᠯᠳᠡ ᠶᠢᠨ ᠠᠯᠬᠤᠴᠠ ᠪᠠᠨ ᠳᠦᠷᠬᠡᠳᠬᠡᠵᠤ᠂ ᠵᠠᠰᠠᠭ ᠤᠨ ᠤᠷᠳᠤᠨ ᠤ ᠡᠬᠦᠷᠬᠡ ᠴᠢᠳᠠᠪᠬᠢ | ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯ | ᠱᠤᠭᠤᠮ ᠢᠶᠠᠨ ᠪᠤᠯᠭᠠᠵᠤ᠂ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢ ᠤᠯᠠᠮ ᠨᠢᠬᠡ ᠠᠯᠬᠤᠮ ᠬᠤᠪᠢᠷᠠᠭᠤᠯᠤᠨ᠂ | ᠠᠵᠢᠯ ᠤᠨ ᠰᠤᠷᠳᠠᠯ ᠢᠶᠠᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠬᠡᠭᠰᠢᠯᠡᠬᠦᠯᠦᠨ᠂ | ᠵᠠᠰᠠᠭ ᠤᠨ ᠤᠷᠳᠤᠨ ᠤ ᠢᠳᠡᠬᠡᠬᠦᠯᠬᠦ ᠬᠦᠴᠦᠨ ᠪᠠ ᠬᠡᠷᠡᠭᠵᠢᠬᠦᠯᠬᠦ ᠴᠢᠳᠠᠪᠤᠷᠢ ᠶᠢ ᠳᠠᠰᠤᠷᠠᠯᠳᠠ ᠦᠬᠡᠢ | ᠲᠡᠭᠡᠭᠰᠢᠯᠡᠬᠦᠯᠦᠨ᠎ᠡ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠎ᠠ᠃《 ᠠᠯᠠᠱᠠ ᠵᠡᠬᠦᠨ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠤ ᠠᠵᠢᠯ ᠤᠨ ᠳᠦᠷᠢᠮ》 ᠪᠠ《 ᠠᠯᠠᠱᠠ ᠵᠡᠬᠦᠨ ᠬᠤᠰᠢᠭᠤᠨ ᠤ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ ᠳᠤᠭᠳᠠᠭᠠᠬᠤ ᠳᠤᠭᠳᠠᠭᠠᠯ》 ᠢ ᠬᠢᠨᠠᠮᠠᠭᠠᠢ ᠬᠡᠷᠡᠭᠵᠢᠬᠦᠯᠵᠤ᠂ | ᠰᠢᠢᠳᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠳᠦᠷᠢᠮᠵᠢᠬᠦ ᠶᠢ ᠳᠦᠯᠬᠢᠨ | ᠠᠬᠢᠭᠤᠯᠤᠨ᠎ᠠ᠃ ᠬᠠᠤᠯᠢ ᠳᠦᠷᠢᠮᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠂ ᠬᠤᠰᠢᠭᠤᠨ ᠤ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠤᠯᠤᠰ ᠳᠦᠷᠦ ᠶᠢᠨ | ᠵᠦᠪᠯᠡᠯᠬᠡᠨ ᠵᠢᠴᠢ ᠡᠯ᠎ᠡ ᠡᠳᠡᠬᠡᠳ ᠤᠨ ᠤᠯᠠᠨ ᠳᠦᠮᠡᠨ ᠪᠠ ᠰᠤᠨᠢᠨ ᠮᠡᠳᠡᠭᠡ ᠶᠡᠷᠢᠶ᠎ᠠ ᠬᠡᠯᠡᠯᠴᠡᠬᠡᠨ ᠤ ᠦᠷᠬᠡᠨ | ᠳᠡᠯᠬᠡᠷ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠠᠬᠢᠭᠤᠯᠵᠤ᠂ ᠵᠠᠰᠠᠭ ᠤᠨ ᠤᠷᠳᠤᠨ ᠤ ᠠᠵᠢᠯ ᠢᠯᠡ ᠳᠤᠳᠤ ᠡᠷᠬᠡ ᠳᠡᠭᠰᠢ ᠳᠦᠪ ᠭᠤᠤᠯᠴᠢ᠂ ᠠᠷᠠᠳ ᠲᠤ | ᠳᠤᠰᠠᠳᠠᠢ ᠠᠷᠠᠳ ᠲᠤ ᠠᠰᠢᠭᠳᠠᠢ ᠠᠷᠠᠳ ᠤᠨ ᠳᠦᠯᠦᠬᠡ ᠪᠠᠶᠢᠬᠤ ᠶᠢ ᠠᠬᠢᠭᠤᠯᠤᠨ᠎ᠠ᠃ | ᠡᠯ᠎ᠡ ᠳᠦᠷᠦᠯ ᠤᠨ ᠦᠬᠡᠷᠡᠴᠢᠯᠡᠯᠳᠡ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃《 ᠭᠦᠯᠢᠶᠡᠬᠦ | ᠂ ᠳᠠᠯᠪᠢᠬᠤ᠂ ᠰᠢᠯᠵᠢᠬᠦᠯᠬᠦ》 ᠱᠠᠭᠠᠷᠳᠠᠯᠭ᠎ᠠ ᠶᠤᠰᠤᠭᠠᠷ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ | ᠳᠦᠷᠢᠮᠵᠢᠬᠦᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠮᠬᠢ ᠳᠠᠷᠠᠭᠠᠯᠠᠯ ᠢ ᠴᠤᠮᠬᠠᠳᠬᠠᠨ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠪᠦᠳᠦᠮᠵᠢ ᠶᠢ ᠳᠡᠬᠡᠭᠰᠢᠯᠡᠬᠦᠯᠦᠨ᠂ ᠵᠢᠯ ᠤᠨ ᠳᠤᠳᠤᠷ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠵᠦᠢᠯᠡᠰ ᠢ 30 % ᠠᠴᠠ ᠳᠡᠬᠡᠭᠰᠢ ᠴᠦᠬᠡᠳᠬᠡᠨ᠎ᠡ᠃ ᠳᠦᠪᠯᠡᠷᠡᠩᠬᠦᠢ ᠨᠢᠬᠡᠳᠦᠯᠳᠡᠢ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠳᠦᠪ ᠢ ᠪᠠᠶᠢᠭᠤᠯᠵᠤ᠂ ᠠᠵᠤ ᠠᠬᠤᠶᠢᠯᠠᠯ ᠪᠠ ᠤᠯᠠᠨ ᠳᠦᠮᠡᠨ ᠳᠤ ᠨᠡᠩ ᠳᠦᠬᠦᠮ ᠠᠪᠰᠠᠷ | ᠦᠨᠳᠦᠷ ᠪᠦᠳᠦᠮᠵᠢᠳᠤ ᠦᠢᠯᠡᠴᠢᠯᠡᠭᠡ ᠬᠠᠩᠭᠠᠨ᠎ᠠ᠃ ᠡᠳ᠋ ᠤᠨ ᠵᠠᠰᠠᠭ ᠤᠨ ᠳᠦᠰᠦᠪ ᠤᠨ ᠬᠠᠮᠢᠶᠠᠷᠤᠯᠳᠠ ᠶᠢᠨ | ᠳᠦᠷᠢᠮ ᠢ ᠰᠠᠶᠢᠵᠢᠷᠠᠭᠤᠯᠵᠤ᠂《 ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠭᠠᠶᠢᠯᠢ ᠪᠤᠯᠭᠠᠨ | ᠦᠬᠡᠷᠡᠴᠢᠯᠡᠬᠦ》 ᠳᠤᠷᠰᠢᠯᠳᠠ ᠶᠢᠨ ᠴᠡᠭ ᠤᠨ ᠬᠡᠪᠴᠢᠶ᠎ᠡ ᠶᠢ ᠦᠷᠬᠡᠳᠬᠡᠬᠦ ᠠᠵᠢᠯ ᠢ ᠰᠠᠶᠢᠳᠤᠷ ᠬᠢᠨ᠎ᠡ᠃ | ᠵᠠᠰᠠᠭ ᠤᠨ ᠤᠷᠳᠤᠨ ᠠᠴᠠ ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠳᠡᠬᠦᠯᠳᠡᠷᠵᠢᠬᠦᠯᠦᠨ᠂ | ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠶᠢ ᠦᠷᠬᠡᠳᠬᠡᠨ᠎ᠡ᠃ ᠤᠰᠤ᠂ | ᠴᠠᠬᠢᠯᠭᠠᠨ ᠤ ᠵᠦᠷᠢᠶ᠎ᠡ ᠲᠠᠢ᠂ ᠱᠠᠳᠤ ᠬᠡᠯᠪᠡᠷᠢᠳᠤ ᠦᠨ᠎ᠡ ᠶᠢᠨ ᠳᠤᠭᠳᠠᠴᠠ ᠶᠢ ᠰᠠᠶᠢᠳᠤᠷ ᠨᠠᠶᠢᠳᠠᠪᠤᠷᠢᠵᠢᠭᠤᠯᠤᠨ᠎ᠠ | ᠃ | ᠠᠵᠢᠯ ᠤᠨ ᠰᠤᠷᠳᠠᠯ ᠢᠶᠠᠨ ᠬᠤᠪᠢᠷᠠᠭᠤᠯᠬᠤ ᠶᠢ ᠳᠦᠷᠬᠡᠳᠬᠡᠨ᠎ᠡ᠃ ᠨᠠᠮ ᠤᠨ ᠤᠯᠠᠨ ᠳᠦᠮᠡᠨᠴᠢ ᠱᠤᠭᠤᠮ ᠤᠨ | ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠲᠦᠪ ᠤᠨ ᠨᠠᠢᠮᠠᠨ ᠵᠤᠶᠢᠯ ᠤᠨ | ᠲᠤᠭᠳᠠᠭᠠᠯ ᠪᠠ《 ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠰᠠᠶᠢᠳᠤᠷ ᠠᠷᠪᠢᠯᠠᠨ ᠭᠠᠮᠨᠠᠵᠤ ᠪᠦᠷᠢᠯᠬᠡᠨ | ᠰᠦᠢᠳᠬᠡᠬᠦ ᠶᠢ ᠡᠰᠡᠷᠬᠦᠴᠡᠬᠦ ᠳᠦᠷᠢᠮ》 ᠢ ᠴᠢᠩᠭ᠎ᠠ ᠬᠡᠷᠡᠭᠵᠢᠬᠦᠯᠦᠨ᠂《 ᠳᠦᠷᠪᠡᠨ ᠶᠡᠭᠡ ᠠᠵᠢᠯᠯᠠᠭ᠎ᠠ》 ᠶᠢ | ᠦᠷᠨᠢᠬᠦᠯᠵᠤ᠂《 ᠵᠢᠷᠭᠤᠭᠠᠨ ᠶᠡᠭᠡ ᠢᠨᠵᠧᠨᠧᠷᠢᠩ》᠂《 ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》᠂ | 《 ᠵᠠᠭᠤ ᠮᠢᠩᠭ᠎ᠠ ᠶᠢᠨ ᠢᠨᠵᠧᠨᠧᠷᠢᠩ》 ᠢ ᠠᠬᠢᠭᠤᠯᠤᠨ᠂《 ᠳᠦᠷᠪᠡᠨ ᠰᠤᠷᠳᠠᠯ》 ᠤᠨ ᠠᠰᠠᠭᠤᠳᠠᠯ ᠢ | ᠢᠮᠠᠭᠳᠠ ᠰᠤᠯᠠᠷᠠᠭᠤᠯᠤᠯ ᠦᠬᠡᠢ ᠴᠢᠩᠭ᠎ᠠ ᠴᠡᠭᠴᠡᠯᠡᠨ᠎ᠡ᠃ ᠠᠯᠪᠠᠨ ᠤ ᠲᠡᠷᠬᠡ᠂ ᠠᠯᠪᠠᠨ ᠤ ᠬᠡᠷ ᠤᠨ | ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂《 ᠭᠤᠷᠪᠠᠨ ᠠᠯᠪᠠᠨ ᠤ ᠵᠠᠷᠤᠳᠠᠯ》 ᠪᠠ ᠡᠩ ᠤᠨ | ᠴᠢᠨᠠᠷᠳᠠᠢ ᠵᠠᠷᠤᠯᠭ᠎ᠠ ᠶᠢ ᠤᠯᠠᠮ ᠨᠢᠬᠡ ᠠᠯᠬᠤᠮ ᠪᠠᠭᠠᠰᠬᠠᠨ᠎ᠠ᠃ ᠡᠬᠦᠷᠬᠡ ᠬᠠᠷᠢᠭᠤᠴᠠᠯᠭᠠᠳᠤ ᠤᠬᠠᠮᠰᠠᠷ ᠢᠶᠠᠨ ᠦᠨᠡᠨᠬᠦ | ᠳᠡᠬᠡᠭᠰᠢᠯᠡᠬᠦᠯᠵᠤ᠂ ᠠᠵᠢᠯ ᠢᠶᠠᠨ ᠠᠬᠢᠭᠤᠯᠵᠤ᠂ ᠪᠦᠬᠦ ᠳᠠᠯ᠎ᠠ ᠪᠠᠷ ᠰᠢᠪᠳᠤᠯᠤᠯᠳᠠ ᠬᠢᠬᠦ ᠳᠡᠬᠡᠷ᠎ᠡ ᠨᠡᠩ ᠠᠷᠪᠢᠨ ᠴᠠᠭ | ᠵᠠᠷᠤᠴᠠᠭᠤᠯᠵᠤ᠂ ᠵᠤᠷᠢᠭᠳᠠᠢ ᠬᠠᠷᠢᠭᠤᠴᠠᠵᠤ᠂ ᠵᠤᠷᠢᠭᠳᠠᠢ ᠰᠢᠪᠳᠤᠯᠤᠯᠳᠠ ᠬᠢᠵᠤ᠂ ᠬᠦᠴᠢᠷ ᠢ ᠴᠢᠳᠠᠮᠠᠭᠠᠢ ᠪᠠᠷ | ᠢᠯᠠᠨ ᠲᠠᠪᠠᠵᠤ᠂《 ᠬᠢᠰᠬᠢᠪᠡᠯ ᠭᠠᠵᠠᠷ᠂ ᠳᠤᠭᠳᠤᠷᠪᠠᠯ ᠬᠦᠴᠦ》ᠬᠡᠬᠦ ᠤᠮᠤᠭ ᠰᠦᠯᠳᠡ ᠪᠠ ᠴᠢᠳᠠᠪᠤᠷᠢ ᠪᠠᠷ᠂《 | ᠬᠠᠳᠠᠭᠠᠰᠤ ᠬᠠᠳᠠᠬᠤ》 ᠵᠤᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠡᠯ᠎ᠡ ᠳᠦᠷᠦᠯ ᠤᠨ | ᠡᠬᠦᠷᠬᠡ ᠶᠢ ᠪᠤᠳᠠᠳᠠᠢ ᠳᠡᠬᠡᠷ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ | ᠴᠢᠬᠡᠴᠢ ᠵᠠᠰᠠᠭ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ᠢᠯᠵᠢᠷᠡᠮᠡᠯ ᠢ ᠰᠡᠷᠬᠡᠶᠢᠯᠡᠬᠦ ᠪᠠ ᠵᠠᠯᠬᠠᠭᠠᠨ | ᠰᠢᠢᠳᠬᠡᠬᠦ ᠰᠢᠰᠲ᠋ᠧᠮ ᠤᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠤ ᠬᠢᠨᠠᠯᠳᠠ ᠪᠠ | ᠬᠢᠵᠠᠭᠠᠷᠯᠠᠯ ᠢ ᠳᠦᠷᠢᠮᠵᠢᠬᠦᠯᠤᠨ᠂ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠡᠭᠯᠡᠬᠦ᠂ ᠭᠠᠵᠠᠷ ᠰᠢᠷᠤᠢ ᠶᠢ ᠬᠢᠮᠳᠠ | ᠪᠠᠷ ᠬᠤᠳᠠᠯᠳᠤᠬᠤ᠂ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠵᠤ ᠬᠦᠯᠢᠶᠡᠬᠦ᠂ ᠠᠭᠤᠷᠬᠠᠢ ᠶᠢᠨ ᠡᠬᠢ ᠪᠠᠶᠠᠯᠢᠭ ᠢ | ᠨᠡᠬᠡᠬᠡᠨ ᠠᠰᠢᠭᠯᠠᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠬᠡ ᠭᠤᠤᠯᠳᠠᠯᠭ᠎ᠠ ᠲᠠᠢ ᠬᠦᠷᠢᠶ᠎ᠡ | ᠬᠡᠪᠴᠢᠶᠡᠨ ᠤ ᠬᠢᠨᠠᠨ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠬᠠᠤᠯᠢ | ᠰᠠᠬᠢᠯᠭ᠎ᠠ ᠠᠴᠠ ᠵᠦᠷᠢᠴᠡᠭᠰᠡᠨ ᠬᠡᠷᠡᠭ ᠢ ᠳᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠨ᠎ᠡ᠃ ᠠᠷᠢᠭᠤᠨ ᠴᠢᠬᠡᠴᠢ | ᠪᠠᠷ ᠵᠠᠰᠠᠭ ᠪᠠᠷᠢᠵᠤ᠂ ᠠᠵᠢᠯᠴᠢ ᠠᠷᠪᠢᠴᠢ ᠪᠠᠷ ᠠᠷᠠᠳ ᠤᠨ ᠳᠦᠯᠦᠬᠡ ᠵᠢᠳᠬᠦᠨ᠂ ᠺᠠᠳ᠋ᠷᠴᠤᠳ ᠠᠷᠢᠭᠤᠨ ᠴᠢᠬᠡᠴᠢ | ᠂ ᠵᠠᠰᠠᠭ ᠤᠨ ᠤᠷᠳᠤᠨ ᠴᠡᠪᠡᠷ ᠴᠢᠬᠡᠴᠢ᠂ ᠤᠯᠤᠰ ᠳᠦᠷᠦ ᠠᠷᠢᠭᠤᠨ ᠳᠤᠩᠭᠠᠯᠠᠭ ᠪᠠᠶᠢᠬᠤ ᠶᠢ ᠪᠡᠶᠡᠯᠡᠬᠦᠯᠦᠨ᠎ᠡ᠃ | ᠳᠦᠯᠦᠬᠡᠯᠡᠭᠴᠢᠳ ᠡ᠂ ᠠᠯᠠᠱᠠ ᠵᠡᠬᠦᠨ ᠬᠤᠰᠢᠭᠤ ᠶᠠᠭ ᠬᠦᠭᠵᠢᠯᠳᠡ ᠪᠠᠨ ᠳᠦᠷᠬᠡᠳᠬᠡᠬᠦ ᠵᠠᠩᠬᠢᠯᠠᠭ᠎ᠠ ᠶᠢᠨ ᠴᠠᠭ | ᠦᠶ᠎ᠡ ᠳᠤ ᠤᠷᠤᠰᠢᠵᠤ ᠪᠠᠶᠢᠨ᠎ᠠ᠃ ᠪᠢᠳ᠋ᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠᠨ ᠤ ᠵᠢᠯᠤᠭᠤᠳᠤᠯᠭ᠎ᠠ ᠳᠤᠤᠷ᠎ᠠ᠂ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ | ᠳᠤᠤᠷ᠎ᠠ᠂ ᠴᠤᠭ ᠪᠠᠳᠠᠷᠠᠩᠭᠤᠢ ᠳᠡᠮᠡᠴᠡᠯ ᠤᠨ ᠵᠤᠷᠢᠭ ᠢᠶᠠᠷ᠂ ᠪᠤᠳᠠᠳᠠᠢ ᠶᠢ ᠡᠷᠬᠢᠮᠯᠡᠬᠦ ᠠᠵᠢᠯ ᠤᠨ ᠰᠤᠷᠳᠠᠯ ᠢᠶᠠᠷ᠂ | ᠤᠶᠤᠨ ᠬᠦᠴᠦᠨ ᠢᠶᠠᠨ ᠨᠢᠭᠳᠠᠷᠠᠭᠤᠯᠤᠨ᠂ ᠦᠨᠡᠨᠬᠦ ᠠᠳᠬᠤᠨ ᠪᠤᠳᠠᠳᠠᠢ ᠠᠵᠢᠯᠯᠠᠵᠤ᠂ ᠬᠦᠴᠢᠷ ᠪᠡᠷᠬᠡᠰᠢᠶᠡᠯ ᠢ | ᠢᠯᠠᠨ ᠳᠤᠭᠤᠯᠵᠤ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠦᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ | ᠡᠷᠳᠡᠬᠡᠨ ᠪᠡᠶᠡᠯᠡᠬᠦᠯᠬᠦ ᠪᠠᠷ ᠴᠢᠷᠮᠠᠶᠢᠨ ᠳᠡᠮᠡᠴᠡᠰᠦᠬᠡᠢ︕ | | | | | | | | | | | | | | | | | | | | | 《 ᠵᠠᠰᠠᠭ ᠤᠨ ᠤᠷᠳᠤᠨ ᠤ ᠠᠵᠢᠯ ᠤᠨ ᠢᠯᠡᠳᠬᠡᠯ 》 ᠳᠠᠬᠢ ᠳᠤᠰᠬᠠᠢ ᠨᠡᠷ᠎ᠡ ᠳᠤᠮᠢᠶ᠎ᠠ ᠪᠠ | ᠳᠤᠪᠴᠢᠯᠠᠭᠰᠠᠨ | ᠪᠢᠴᠢᠯᠬᠡ ᠵᠢᠨᠲ᠋ᠠᠶᠢᠯᠪᠤᠷᠢ ᠵᠢᠴᠢ ᠬᠦᠢᠴᠡᠳᠬᠡᠯ ᠳᠤᠭᠠᠨ ᠤ | ᠪᠦᠷᠢᠳᠬᠡᠯ ᠤᠨ ᠪᠠᠷᠢᠮᠵᠢᠶ᠎ᠠ ᠶᠢᠨ ᠳᠤᠬᠠᠢ ᠳᠤᠳᠤᠷᠬᠠᠶᠢᠯᠠᠯ | | ⒈ ᠢᠯᠡᠳᠬᠡᠯ ᠳᠠᠬᠢ ᠬᠦᠢᠴᠡᠳᠬᠡᠯ ᠳᠤᠭᠠᠨ ᠤ ᠪᠦᠷᠢᠳᠬᠡᠯ ᠤᠨ ᠪᠠᠷᠢᠮᠵᠢᠶ᠎ᠠ ᠶᠢᠨ ᠳᠤᠬᠠᠢ ᠳᠤᠳᠤᠷᠬᠠᠶᠢᠯᠠᠯ | ᠪᠦᠬᠦ ᠪᠦᠷᠢᠳᠬᠡᠯ ᠳᠤᠭ᠎ᠠ ᠨᠢ ᠳᠤᠭ᠎ᠠ ᠪᠠᠷᠢᠮᠳᠠ ᠶᠢ ᠪᠦᠷᠢᠳᠬᠡᠬᠦ ᠦᠶ᠎ᠡ ᠳᠤ ᠠᠯᠠᠱᠠ ᠶᠢᠨ ᠠᠵᠤ ᠠᠬᠤᠢ ᠶᠢᠨ | ᠨᠡᠬᠡᠬᠡᠯᠳᠡ ᠶᠢᠨ ᠤᠷᠤᠨ᠂ ᠬᠤᠶᠠᠷᠬᠤᠳᠳᠤᠭ ᠤᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ | ᠤᠷᠤᠨ ᠢ ᠪᠠᠭᠳᠠᠭᠠᠭᠰᠠᠨ ᠬᠦᠢᠴᠡᠳᠬᠡᠯ ᠳᠤᠭᠠᠨ ᠤ ᠳᠤᠭ᠎ᠠ ᠪᠠᠷᠢᠮᠳᠠ ᠶᠢ ᠵᠢᠭᠠᠨ᠎ᠠ᠃ ᠪᠦᠬᠦ ᠪᠦᠷᠢᠳᠬᠡᠯ ᠳᠤᠭ᠎ᠠ | ᠲᠠᠢ ᠬᠠᠷᠠᠭᠠᠯᠵᠠᠵᠤ ᠪᠠᠶᠢᠭ᠎ᠠ ᠨᠢ《 ᠬᠤᠰᠢᠭᠤᠨ ᠤ ᠳᠤᠰ ᠱᠠᠳᠤ》 ᠶᠢᠨ ᠳᠤᠭ᠎ᠠ ᠪᠦᠷᠢᠳᠬᠡᠯ ᠪᠤᠯᠤᠨ᠎ᠠ᠃ ᠳᠡᠷᠡ | ᠨᠢ ᠠᠯᠠᠱᠠ ᠶᠢᠨ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠶᠠᠷᠬᠤᠳᠳᠤᠭ ᠤᠨ ᠠᠮᠢ ᠠᠬᠤᠢ ᠶᠢᠨ ᠨᠡᠬᠦᠳᠡᠯ | ᠠᠷᠠᠳ ᠤᠨ ᠵᠢᠱᠢᠶ᠎ᠡ ᠦᠵᠡᠬᠦᠯᠬᠦ ᠤᠷᠤᠨ ᠢ ᠪᠠᠭᠳᠠᠭᠠᠬᠤ ᠦᠬᠡᠢ ᠬᠦᠢᠴᠡᠳᠬᠡᠯ ᠳᠤᠭ᠎ᠠ ᠶᠢ ᠵᠢᠭᠠᠨ᠎ᠠ᠃ | 2013 ᠤᠨ ᠳᠤ ᠮᠠᠨ ᠤ ᠬᠤᠰᠢᠭᠤ ᠭᠠᠵᠠᠷ ᠤᠷᠤᠨ ᠤ ︵ᠪᠦᠬᠦ ᠳᠤᠭ᠎ᠠ ᠪᠦᠷᠢᠳᠬᠡᠯ︶ ᠦᠢᠯᠡᠳᠪᠦᠷᠢᠯᠡᠯ ᠤᠨ | ᠶᠡᠷᠦᠩᠬᠡᠢ ᠦᠷᠳᠡᠭ ᠢ 361.3 ᠳ᠋ᠦᠩᠰᠢᠭᠤᠷ ᠳᠦᠬᠦᠷᠢᠭ᠂ ᠡᠳ᠋ ᠤᠨ ᠵᠠᠰᠠᠭ ᠤᠨ ᠤᠷᠤᠯᠭ᠎ᠠ ᠶᠢ 47.3 | ᠳ᠋ᠦᠩᠰᠢᠭᠤᠷ ᠳᠦᠬᠦᠷᠢᠭ᠂ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 243.8 | ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ | ᠳᠡᠭᠰᠢᠳᠬᠡᠭᠰᠡᠨᠡᠵᠡᠮᠳᠡᠵᠤ ᠪᠤᠯᠬᠤ ᠤᠷᠤᠯᠭ᠎ᠠ ᠪᠠ ᠮᠠᠯᠴᠢᠨ ᠳᠠᠷᠢᠶᠠᠴᠢᠨ ᠤ ᠬᠦᠮᠦᠨ ᠪᠦᠷᠢ ᠳᠤ ᠳᠡᠭᠰᠢᠳᠬᠡᠭᠰᠡᠨ | ᠴᠡᠪᠡᠷ ᠤᠷᠤᠯᠭ᠎ᠠ ᠳᠤᠰᠪᠤᠷᠢ 26629 ᠳᠦᠬᠦᠷᠢᠭ ᠪᠠ 11122 ᠳᠦᠬᠦᠷᠢᠭ ᠲᠤ ᠬᠦᠷᠴᠡᠢ᠃ ᠬᠤᠰᠢᠭᠤᠨ ᠤ | ᠳᠤᠰ ᠱᠠᠳᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 155.7 ᠳ᠋ᠦᠩᠰᠢᠭᠤᠷ | ᠳᠦᠬᠦᠷᠢᠭ᠂ ᠡᠳ᠋ ᠤᠨ ᠵᠠᠰᠠᠭ ᠤᠨ ᠤᠷᠤᠯᠭ᠎ᠠ ᠶᠢ 28.5 ᠳ᠋ᠦᠩᠰᠢᠭᠤᠷ ᠳᠦᠬᠦᠷᠢᠭ᠂ ᠪᠦᠬᠦ ᠨᠡᠶᠢᠬᠡᠮ ᠤᠨ | ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 133 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠬᠤᠳᠠ | ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠤ ᠪᠤᠯᠬᠤ ᠤᠷᠤᠯᠭ᠎ᠠ ᠪᠠ | ᠮᠠᠯᠴᠢᠨ ᠳᠠᠷᠢᠶᠠᠴᠢᠨ ᠤ ᠬᠦᠮᠦᠨ ᠪᠦᠷᠢ ᠳᠤ ᠳᠡᠭᠰᠢᠳᠬᠡᠭᠰᠡᠨ ᠴᠡᠪᠡᠷ ᠤᠷᠤᠯᠭ᠎ᠠ ᠳᠤᠰᠪᠤᠷᠢ 26629 ᠳᠦᠬᠦᠷᠢᠭ | ᠪᠠ 11122 ᠳᠦᠬᠦᠷᠢᠭ ᠲᠤ ᠬᠦᠷᠴᠡᠢ᠃《 ᠵᠠᠰᠠᠭ ᠤᠨ ᠤᠷᠳᠤᠨ ᠤ ᠠᠵᠢᠯ ᠤᠨ ᠢᠯᠡᠳᠬᠡᠯ》 ᠤᠨ 2013 | ᠤᠨ ᠤ ᠳᠤᠭ᠎ᠠ ᠪᠠᠷᠢᠮᠳᠠ ᠨᠢ ᠬᠤᠰᠢᠭᠤᠨ ᠤ ᠳᠤᠰ ᠱᠠᠳᠤᠨ ᠤ ᠳᠤᠭ᠎ᠠ ᠪᠦᠷᠢᠳᠬᠡᠯ ᠪᠠᠶᠢᠵᠤ᠂ 2014 ᠤᠨ ᠤ | ᠳᠤᠭ᠎ᠠ ᠪᠠᠷᠢᠮᠳᠠ ᠳᠤ ᠬᠤᠰᠢᠭᠤᠨ ᠤ ᠳᠤᠰ ᠱᠠᠳᠤ ᠪᠠ ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ | ᠤᠨ ᠨᠡᠬᠡᠬᠡᠯᠳᠡ ᠶᠢᠨ ᠤᠷᠤᠨ ᠢ ᠪᠠᠭᠳᠠᠭᠠᠨ᠎ᠠ᠃ | ⒉《8337》 ᠬᠦᠭᠵᠢᠯᠳᠡ ᠶᠢᠨ ᠰᠡᠳᠬᠢᠴᠡ᠄《8》ᠬᠡᠳᠡᠭ ᠨᠢ ᠨᠠᠢᠮᠠᠨ ᠳᠠᠯ᠎ᠠ ᠶᠢᠨ ᠬᠦᠭᠵᠢᠬᠦᠯᠬᠦ ᠬᠠᠨᠳᠤᠰᠢ | ᠶᠢ ᠵᠢᠭᠠᠵᠤ ᠪᠤᠢ᠃ ᠳᠠᠷᠤᠢ᠄ ᠦᠪᠦᠷ ᠮᠤᠩᠭᠤᠯ ᠢᠶᠠᠨ ᠨᠡᠶᠢᠰᠯᠡᠯ ᠢ ᠪᠠᠳᠤᠯᠠᠵᠤ᠂ ᠤᠮᠨᠷᠠᠳᠤ ᠤᠷᠤᠨ ᠳᠤ | ᠦᠢᠯᠡᠴᠢᠯᠡᠨ᠂ ᠪᠦᠬᠦ ᠤᠯᠤᠰ ᠲᠤ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ ᠰᠠᠭᠤᠷᠢᠨ ᠭᠠᠵᠠᠷ᠂ ᠪᠦᠬᠦ | ᠤᠯᠤᠰ ᠤᠨ ᠴᠢᠬᠤᠯᠠ ᠤᠳᠤᠬᠢᠴᠢᠯᠠᠭᠰᠠᠨ ᠨᠡᠬᠦᠷᠡᠰᠤ ᠬᠢᠮᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ | ᠰᠠᠭᠤᠷᠢᠨ ᠭᠠᠵᠠᠷ᠂ ᠦᠩᠬᠡᠳᠤ ᠳᠡᠮᠦᠷᠯᠢᠭ ᠦᠢᠯᠡᠳᠪᠦᠷᠢᠯᠡᠵᠤ ᠡᠳ᠋ᠰᠢᠬᠦᠯᠬᠦ ᠪᠠ ᠤᠳᠤᠬᠢᠴᠢᠯᠠᠭᠰᠠᠨ ᠳᠤᠨᠤᠭᠯᠠᠯ | ᠦᠢᠯᠡᠳᠪᠦᠷᠢᠯᠡᠬᠦ ᠵᠡᠷᠬᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠤᠬᠢᠷᠳᠤᠯ ᠦᠬᠡᠢ ᠮᠠᠯ ᠤᠨ | ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠦᠢᠯᠡᠳᠪᠦᠷᠢᠯᠡᠵᠤ ᠡᠳ᠋ᠰᠢᠬᠦᠯᠬᠦ ᠰᠠᠭᠤᠷᠢᠨ ᠭᠠᠵᠠᠷ᠂ ᠳᠠᠯ᠎ᠠ | ᠨᠤᠳᠤᠭ ᠤᠨ ᠰᠤᠶᠤᠯ ᠪᠠ ᠤᠮᠠᠷᠠᠳᠤ ᠶᠢᠨ ᠦᠪᠡᠷᠮᠢᠴᠡ ᠤᠨᠴᠠᠯᠢᠭ ᠢ ᠬᠠᠷᠠᠭᠤᠯᠤᠭᠰᠠᠨ ᠳᠤᠭᠤᠷᠢᠨ ᠵᠢᠭᠤᠯᠴᠢᠯᠠᠵᠤ | ᠠᠮᠠᠷᠠᠵᠤ ᠰᠡᠯᠡᠬᠦᠴᠡᠬᠦ ᠰᠠᠭᠤᠷᠢᠨ ᠭᠠᠵᠠᠷ ᠪᠤᠯᠭᠠᠨ ᠪᠠᠶᠢᠭᠤᠯᠵᠤ᠂ ᠦᠪᠦᠷ ᠮᠤᠩᠭᠤᠯ ᠢᠶᠠᠨ ᠮᠠᠨ ᠤ ᠤᠯᠤᠰ ᠤᠨ | ᠤᠮᠠᠷᠠᠳᠤ ᠤᠷᠤᠨ ᠤ ᠴᠢᠬᠤᠯᠠ ᠠᠮᠢ ᠠᠬᠤᠢ ᠶᠢᠨ ᠬᠠᠯᠬᠠᠪᠴᠢ᠂ ᠡᠬᠡ ᠤᠯᠤᠰ ᠤᠨ ᠬᠤᠶᠢᠳᠤ ᠬᠢᠵᠠᠭᠠᠷ ᠤᠨ ᠠᠮᠤᠷ | ᠳᠤᠭᠳᠠᠭᠤᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠬᠡᠬᠡᠨ | ᠬᠦᠭᠵᠢᠬᠦᠯᠬᠦ ᠴᠢᠬᠤᠯᠠ ᠪᠠᠬᠢᠯᠡᠯᠳᠡ ᠪᠠ ᠠᠮᠢᠵᠢᠷᠠᠯ ᠤᠨ ᠬᠦᠴᠦᠨ ᠪᠢᠯᠬᠠᠭᠰᠠᠨ ᠬᠢᠯᠢ ᠳᠠᠭᠠᠤ ᠠᠵᠤ ᠠᠬᠤᠢ ᠶᠢᠨ | ᠪᠦᠰᠡ ᠪᠤᠯᠭᠠᠨ ᠪᠦᠳᠦᠬᠡᠨ ᠪᠠᠶᠢᠭᠤᠯᠤᠨ᠎ᠠ᠃ ᠨᠢᠬᠡᠳᠦᠬᠡᠷ《3》 ᠨᠢ ᠭᠤᠷᠪᠠᠨ ᠳᠠᠯ᠎ᠠ ᠪᠠᠷ ᠬᠦᠴᠦᠯᠡᠬᠦ ᠶᠢ ᠵᠢᠭᠠᠵᠤ | ᠪᠤᠢ᠃ ᠳᠠᠷᠤᠢ᠄ ᠠᠵᠤ ᠦᠢᠯᠡᠰ ᠤᠨ ᠪᠦᠳᠦᠴᠡ ᠶᠢ ᠬᠦᠴᠦ ᠳᠠᠯᠪᠢᠨ ᠳᠤᠬᠢᠷᠠᠭᠤᠯᠵᠤ᠂ ᠬᠤᠰᠢᠭᠤ ᠰᠢᠶᠠᠨ ᠤ ᠠᠵᠤ | ᠠᠬᠤᠢ ᠶᠢ ᠬᠦᠴᠦ ᠳᠠᠯᠪᠢᠨ ᠪᠤᠵᠠᠭᠠᠶᠢᠷᠠᠭᠤᠯᠵᠤ᠂ ᠨᠡᠶᠢᠳᠡ ᠶᠢᠨ ᠦᠮᠴᠢᠯᠡᠯ ᠤᠨ ᠪᠤᠰᠤ ᠠᠵᠤ ᠠᠬᠤᠢ ᠶᠢ ᠬᠦᠴᠦ | ᠳᠠᠯᠪᠢᠨ ᠬᠦᠭᠵᠢᠬᠦᠯᠦᠨ᠎ᠡ᠃ ᠬᠤᠶᠠᠳᠤᠭᠠᠷ《3》 ᠨᠢ ᠭᠤᠷᠪᠠᠨ ᠳᠠᠯ᠎ᠠ ᠶᠢ ᠨᠡᠩ ᠴᠢᠬᠤᠯᠠᠴᠢᠯᠠᠬᠤ ᠶᠢ ᠵᠢᠭᠠᠨ᠎ᠠ᠃ | ᠳᠠᠷᠤᠢ᠄ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ ᠬᠠᠮᠢᠶᠠᠷᠤᠯᠳᠠ ᠶᠢ ᠨᠡᠩ ᠴᠢᠬᠤᠯᠠᠴᠢᠯᠠᠨ᠂ | ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢ ᠨᠡᠩ ᠴᠢᠬᠤᠯᠠᠴᠢᠯᠠᠵᠤ᠂ | ᠦᠬᠡᠷᠡᠴᠢᠯᠡᠯᠳᠡ ᠨᠡᠬᠡᠬᠡᠯᠳᠡ ᠪᠠ ᠰᠢᠨ᠎ᠡ ᠶᠢ ᠡᠬᠦᠳᠦᠨ ᠳᠠᠶᠢᠴᠢᠯᠠᠬᠤ ᠶᠢ ᠨᠡᠩ ᠴᠢᠬᠤᠯᠠᠴᠢᠯᠠᠨ᠎ᠠ᠃《7》ᠬᠡᠳᠡᠭ | ᠨᠢ ᠳᠤᠯᠤᠭᠠᠨ ᠳᠠᠯ᠎ᠠ ᠶᠢᠨ ᠭᠤᠤᠯᠳᠠᠯᠭ᠎ᠠ ᠲᠠᠢ ᠠᠵᠢᠯ ᠢ ᠵᠢᠭᠠᠨ᠎ᠠ᠃ ᠳᠤᠬᠠᠶᠢᠯᠠᠪᠠᠯ᠄ ᠠᠵᠤ ᠠᠬᠤᠢ ᠶᠢᠨ | ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠶᠠᠰᠤ ᠴᠢᠨᠠᠷ | ᠪᠤᠯᠤᠨ ᠦᠷ᠎ᠡ ᠠᠰᠢᠭ ᠢ ᠳᠡᠬᠡᠭᠰᠢᠯᠡᠬᠦᠯᠦᠨ᠂《 ᠮᠠᠯᠴᠢᠨ ᠳᠠᠷᠢᠶᠠᠴᠢᠨ᠂ ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ | ᠤᠷᠤᠨ 》 ᠤ ᠠᠵᠢᠯ ᠢ ᠴᠢᠩᠭᠠᠳᠬᠠᠵᠤ᠂ ᠬᠤᠳᠠ ᠬᠦᠳᠡᠭᠡ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠬᠦᠯᠵᠤ | ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ ᠶᠢ ᠡᠬᠦᠳᠴᠤ᠂ | ᠬᠦᠭᠵᠢᠬᠦᠯᠦᠯᠳᠡ ᠶᠢᠨ ᠢᠳᠡᠪᠬᠢ ᠬᠦᠴᠦᠨ ᠬᠦᠳᠡᠯᠬᠡᠭᠴᠢ ᠬᠦᠴᠦᠨ ᠢ ᠨᠡᠮᠡᠭᠳᠡᠬᠦᠯᠵᠤ᠂ ᠨᠠᠮ ᠤᠨ ᠪᠠᠶᠢᠭᠤᠯᠤᠯᠳᠠ | ᠶᠢᠨ ᠰᠢᠨᠵᠢᠯᠡᠬᠦ ᠤᠬᠠᠭᠠᠨᠴᠢ ᠳᠦᠪᠰᠢᠨ ᠢ ᠳᠡᠬᠡᠭᠰᠢᠯᠡᠬᠦᠯᠦᠨ᠎ᠡ᠃ | ⒊ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠪᠠᠳᠤᠯᠠᠭᠠᠨ ᠤ《 ᠠᠷᠪᠠᠨ ᠪᠦᠬᠦᠨ ᠢ ᠬᠠᠮᠦᠷᠬᠤ》᠄ 2014 | ᠤᠨ ᠠᠴᠠ ᠡᠬᠢᠯᠡᠵᠦ᠂ ᠦᠪᠡᠷᠳᠡᠬᠡᠨ ᠵᠠᠰᠠᠬᠤ ᠤᠷᠤᠨ 3 ᠵᠢᠯ ᠤᠨ ᠴᠠᠭ ᠢ ᠵᠠᠷᠤᠴᠠᠭᠤᠯᠤᠨ ᠪᠦᠬᠦ ᠤᠷᠤᠨ ᠤ | ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠪᠠᠶᠢᠰᠢᠩ ᠤᠨ ᠵᠠᠰᠠᠨ ᠦᠬᠡᠷᠡᠴᠢᠯᠡᠯᠳᠡ᠂ ᠠᠮᠤᠷ | ᠲᠦᠪᠰᠢᠨᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢᠨ ᠬᠠᠳᠠᠭᠤᠷᠠᠭᠤᠯᠤᠯᠳᠠ᠂ ᠭᠠᠴᠠᠭ᠎ᠠ | ᠲᠤᠰᠬᠤᠨ ᠪᠤᠯᠭᠠᠨ ᠳᠤ ᠴᠠᠬᠢᠯᠭᠠᠨ ᠨᠡᠪᠳᠡᠷᠡᠬᠦᠯᠬᠦ᠂ ᠭᠠᠴᠠᠭ᠎ᠠ ᠲᠤᠰᠬᠤᠨ ᠪᠤᠯᠭᠠᠨ ᠳᠤ ᠷᠠᠳᠢᠤ᠋ ᠲᠧᠯᠸᠢᠰ ᠪᠤᠯᠤᠨ | ᠴᠢᠮᠡᠭᠡ ᠬᠤᠯᠪᠤᠭ᠎ᠠ ᠶᠢ ᠨᠡᠪᠳᠡᠷᠡᠬᠦᠯᠬᠦ᠂ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠦᠳᠦᠬᠡᠨ ᠪᠠᠶᠢᠭᠤᠯᠤᠯᠳᠠ ᠵᠢᠴᠢ | ᠠᠮᠤᠷ ᠲᠦᠪᠰᠢᠨ ᠤ ᠦᠬᠡᠷᠡᠴᠢᠯᠡᠯᠳᠡ᠂ ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ | ᠂ ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ ᠦᠷᠦᠬᠡ᠂ ᠠᠷᠠᠳ ᠲᠤ ᠲᠦᠬᠦᠮ ᠦᠵᠡᠬᠦᠯᠬᠦ ᠬᠤᠯᠪᠤᠭᠠᠳᠤ | ᠬᠡᠳᠦ ᠲᠡᠯᠬᠡᠬᠦᠷ᠂ ᠬᠦᠳᠡᠭᠡ ᠲᠤᠰᠬᠤᠨ ᠮᠠᠯᠵᠢᠬᠤ ᠤᠷᠤᠨ ᠤ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ | ᠨᠠᠰᠤᠵᠢᠯ ᠡᠮ ᠡᠮᠨᠡᠯᠬᠡ ᠲᠤᠤᠷ᠎ᠠ ᠪᠠᠳᠤᠯᠠᠭ᠎ᠠ ᠵᠡᠷᠬᠡ ᠨᠡᠶᠢᠬᠡᠮ ᠤᠨ ᠪᠠᠳᠤᠯᠠᠭᠠᠨ ᠪᠦᠬᠦᠨ ᠢ ᠬᠠᠮᠤᠷᠬᠤ ᠶᠢ | ᠪᠡᠶᠡᠯᠡᠬᠦᠯᠵᠦ᠂ ᠬᠤᠳᠠ ᠬᠦᠳᠡᠭᠡ ᠶᠢᠨ ᠦᠨᠳᠦᠰᠦᠨ ᠨᠡᠶᠢᠳᠡ ᠶᠢᠨ ᠦᠢᠯᠡᠴᠢᠯᠡᠬᠡᠨ ᠤ ᠠᠳᠠᠯᠢ ᠲᠡᠭᠰᠢᠵᠢᠯᠳᠡ ᠶᠢ | ᠠᠬᠢᠭᠤᠯᠤᠨ᠎ᠠ᠃ | ⒋ ᠳᠤᠷᠭᠠᠨ ᠵᠠᠮ ᠤᠨ ᠠᠵᠤ ᠠᠬᠤᠢ ᠶᠢᠨ ᠪᠦᠰᠡ᠄ ᠳᠤᠮᠳᠠᠳᠤ ᠤᠯᠤᠰ ᠪᠠ ᠪᠠᠷᠠᠭᠤᠨ ᠠᠽᠢᠶ᠎ᠡ ᠶᠢᠨ ᠡᠯ᠎ᠡ | ᠤᠯᠤᠰ ᠤᠨ ᠬᠤᠭᠤᠷᠤᠨᠳᠤ ᠨᠢᠬᠡ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠪᠦᠰᠡ ᠪᠦᠷᠢᠯᠳᠤᠵᠤ᠂ | ᠦᠨᠳᠦᠰᠦᠨ ᠳᠡᠭᠡᠨ ᠬᠠᠭᠤᠴᠢᠨ ᠳᠤᠷᠭᠠᠨ ᠵᠠᠮ ᠤᠨ ᠬᠦᠷᠢᠶ᠎ᠡ ᠬᠡᠪᠴᠢᠶᠠᠨ ᠳᠤ ᠪᠠᠶᠢᠨ᠎ᠠ᠃ ᠪᠠᠷᠠᠭᠤᠨ ᠬᠤᠶᠢᠳᠤ ᠶᠢᠨ | ᠱᠠᠨᠰᠢ᠂ ᠭᠠᠨᠰᠤ᠂ ᠬᠦᠬᠡᠨᠠᠭᠤᠷ᠂ ᠨᠢᠩᠰᠢᠶᠠ᠂ ᠰᠢᠨᠵᠢᠶᠠᠩ ᠵᠡᠷᠬᠡ ᠲᠠᠪᠤᠨ ᠮᠤᠵᠢ ᠤᠷᠤᠨ᠂ ᠪᠠᠷᠠᠭᠤᠨ ᠡᠮᠦᠨᠡᠳᠦ | ᠶᠢᠨ ᠴᠦᠩᠴᠢᠩ᠂ ᠰᠧᠴᠤᠸᠠᠨ᠂ ᠶᠦᠨᠨᠠᠨ᠂ ᠭᠤᠸᠠᠩᠰᠢ ᠵᠡᠷᠬᠡ ᠲᠦᠷᠪᠡᠨ ᠮᠤᠵᠢ ᠤᠷᠤᠨ ᠢ ᠪᠠᠭᠳᠠᠭᠠᠨ᠎ᠠ᠃ | 2013 ᠤᠨ ᠳᠤ ᠲᠤᠮᠳᠠᠳᠤ ᠤᠯᠤᠰ ᠤᠨ ᠲᠡᠷᠢᠬᠦᠯᠡᠭᠴᠢ ᠰᠢ ᠶᠢᠨ ᠫᠢᠩ ᠺᠠᠽᠠᠬᠠᠰᠲ᠋ᠠᠨ ᠤ ᠨᠠᠽᠠᠷᠪᠠᠶᠧ ᠶᠡᠭᠡ | ᠰᠤᠷᠭᠠᠭᠤᠯᠢ ᠳᠤ ᠶᠠᠷᠢᠶ᠎ᠠ ᠲᠠᠯᠪᠢᠬᠤ ᠳᠠᠭᠠᠨ ᠲᠤᠷᠠᠳᠤᠨ ᠭᠠᠷᠭᠠᠭᠰᠠᠨ ᠶᠤᠮ᠃ | ⒌ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ᠄ ᠤᠤᠯ ᠡᠳ᠋ ᠤᠨ ᠵᠠᠰᠠᠭ ᠤᠨ ᠤᠷᠤᠯᠭ᠎ᠠ ᠠᠴᠠ | ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠲᠤ ᠲᠤᠰᠢᠶᠠᠬᠤ ᠤᠷᠤᠯᠭ᠎ᠠ ᠶᠢ ᠬᠠᠰᠤᠭᠰᠠᠨ ᠤ ᠲᠠᠷᠠᠭᠠᠬᠢ | ᠬᠤᠰᠢᠭᠤᠨ ᠤ ᠲᠡᠰ ᠤᠨ ᠬᠤᠪᠢᠳᠠᠨ ᠦᠯᠡᠳᠡᠬᠡᠬᠦ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠂ ᠮᠦᠨᠴᠦ ᠭᠠᠵᠠᠷ | ᠤᠷᠤᠨ ᠤ ᠬᠡᠷᠡᠭᠯᠡᠵᠦ ᠪᠤᠯᠬᠤ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠂ ᠭᠠᠶᠢᠯᠢ ᠶᠢᠨ ᠤᠷᠤᠯᠭ᠎ᠠ ᠪᠤᠯᠤᠨ | ᠭᠠᠶᠢᠯᠢ ᠶᠢᠨ ᠪᠤᠰᠤ ᠤᠷᠤᠯᠭ᠎ᠠ ᠠᠴᠠ ᠪᠦᠷᠢᠯᠳᠦᠨ᠎ᠡ ᠃ | ⒍ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ《 ᠠᠰᠢᠭᠯᠠᠵᠤ ᠨᠦᠬᠦᠪᠦᠷᠢᠯᠡᠬᠦ ᠶᠢ | ᠲᠡᠩᠴᠡᠬᠦᠷᠢᠰᠢᠬᠦᠯᠬᠦ》᠄ ᠮᠠᠨ ᠤ ᠬᠤᠰᠢᠭᠤᠨ ᠤ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ | ᠤᠰᠤ ᠶᠢ ᠬᠡᠳᠦᠷᠡᠳᠡᠯ᠎ᠡ ᠠᠰᠢᠭᠯᠠᠬᠤ ᠬᠦᠨᠳᠦ ᠨᠤᠴᠢᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠬᠡ᠂ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠬᠡᠳᠦᠯᠳᠡᠢ ᠲᠤᠬᠢᠷᠠᠭᠤᠯᠭ᠎ᠠ ᠶᠤᠰᠤᠭᠠᠷ᠂ ᠮᠠᠨ ᠤ | ᠬᠤᠰᠢᠭᠤ《ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ ᠠᠰᠢᠭᠯᠠᠵᠤ ᠨᠦᠬᠦᠪᠦᠷᠢᠯᠡᠬᠦ ᠶᠢ | ᠲᠡᠩᠴᠡᠬᠦᠷᠢᠰᠢᠬᠦᠯᠬᠦ ᠠᠵᠢᠯ ᠤᠨ ᠬᠡᠷᠡᠭᠵᠢᠬᠦᠯᠬᠦ ᠲᠦᠰᠦᠯ 》 ᠢ ᠲᠤᠭᠳᠠᠭᠠᠵᠤ᠂ ᠭᠤᠤᠯᠳᠠᠭᠤ ᠬᠤᠳᠳᠤᠭ ᠢ | ᠪᠢᠳᠡᠬᠦᠮᠵᠢᠯᠡᠵᠦ ᠲᠠᠷᠢᠶᠠᠨ ᠭᠠᠵᠠᠷ ᠢ ᠪᠠᠭᠠᠰᠬᠠᠬᠤ᠂ ᠲᠤᠭᠳᠠᠭᠰᠠᠨ ᠬᠡᠮᠵᠢᠶ᠎ᠡ ᠲᠠᠢ ᠪᠠᠷ ᠤᠰᠤ ᠲᠤᠬᠢᠷᠠᠭᠤᠯᠬᠤ᠂ | ᠲᠠᠷᠢᠮᠠᠯ ᠤᠨ ᠪᠦᠳᠦᠴᠡ ᠶᠢ ᠲᠤᠬᠢᠷᠠᠭᠤᠯᠬᠤ᠂ ᠣᠰᠤᠨ ᠳᠤ ᠭᠠᠮᠳᠠᠢ ᠲᠠᠷᠢᠶᠠᠯᠠᠩ ᠢ ᠬᠦᠭᠵᠢᠬᠦᠯᠬᠦ᠂ ᠦᠨᠳᠦᠷ ᠦᠷ᠎ᠡ | ᠠᠰᠢᠭ ᠲᠠᠢ ᠤᠰᠤ ᠠᠷᠪᠢᠯᠠᠬᠤ ᠲᠠᠷᠢᠮᠠᠯ ᠢ ᠬᠦᠭᠵᠢᠬᠦᠯᠬᠦ ᠵᠡᠷᠬᠡ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠭᠠᠵᠠᠷ | ᠲᠤᠤᠷᠠᠬᠢ ᠤᠰᠤᠨ ᠤ ᠡᠬᠢ ᠰᠤᠷᠪᠤᠯᠵᠢ ᠶᠢ ᠨᠡᠬᠡᠬᠡᠨ ᠠᠰᠢᠭᠯᠠᠬᠤ ᠬᠡᠮᠵᠢᠶ᠎ᠠ ᠶᠢ ᠲᠠᠰᠤᠷᠠᠯᠳᠠ ᠦᠬᠡᠢ ᠪᠠᠭᠠᠰᠬᠠᠵᠤ᠂ | ᠬᠠᠮᠤᠭ ᠡᠴᠦᠰ ᠲᠤ ᠭᠠᠵᠠᠷ ᠲᠤᠤᠷᠠᠬᠢ ᠤᠰᠤ ᠶᠢ ᠨᠡᠬᠡᠬᠡᠨ ᠠᠰᠢᠭᠯᠠᠬᠤ ᠬᠡᠮᠵᠢᠶ᠎ᠡ ᠪᠠ ᠨᠦᠬᠦᠪᠦᠷᠢᠯᠡᠬᠦ ᠬᠡᠮᠵᠢᠶ᠎ᠡ ᠶᠢ | ᠬᠦᠳᠡᠯᠦᠩᠬᠦᠢ ᠪᠠᠷ ᠲᠡᠩᠴᠡᠬᠦᠷᠢᠰᠢᠬᠦᠯᠬᠦ ᠶᠢ ᠪᠡᠶᠡᠯᠡᠬᠦᠯᠦᠨ᠎ᠡ᠃ | ⒎ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ᠄ 2014 ᠤᠨ ᠤ 1 | ᠰᠠᠷ᠎ᠠ ᠶᠢᠨ 1 ᠤ ᠡᠳᠦᠷ ᠠᠴᠠ ᠡᠬᠢᠯᠡᠨ᠂ ᠤᠤᠯ ᠤᠨ ᠳᠡᠭᠷᠢ ᠶᠢᠨ ᠠᠵᠤ ᠦᠢᠯᠡᠳᠪᠦᠷᠢ ᠶᠢᠨ ᠳᠤᠭᠤᠷᠢᠭ | ᠪᠤᠯᠤᠨ ᠰᠠᠶᠢᠷ ᠴᠤᠨᠵᠢ ᠶᠢᠨ ᠠᠵᠤ ᠦᠢᠯᠡᠳᠪᠦᠷᠢ ᠶᠢᠨ ᠳᠤᠭᠤᠷᠢᠭ ᠢ ᠨᠡᠶᠢᠯᠡᠬᠦᠯᠵᠤ᠂ ᠠᠯᠠᠱᠠ ᠶᠢᠨ ᠳᠡᠭᠷᠢ ᠶᠢᠨ | ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠪᠤᠯᠭᠠᠨ ᠪᠠᠶᠢᠭᠤᠯᠵᠤ᠂ ᠠᠯᠠᠱᠠ ᠵᠡᠬᠦᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠠᠶᠢᠳᠠᠨ ᠬᠠᠮᠢᠶᠠᠷᠤᠨ᠎ᠠ᠃ ᠤᠤᠯ ᠤᠨ ᠬᠤᠶᠠᠷᠬᠤᠳᠳᠤᠭ ᠤᠨ ᠠᠮᠢ | ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ ᠤ ᠫᠠᠶᠢᠰᠠ ᠶᠢ ᠦᠷᠬᠦᠯᠵᠢᠯᠡᠨ ᠦᠯᠡᠳᠡᠬᠡᠵᠤ᠂ | ᠨᠢᠬᠡ ᠪᠠᠶᠢᠭᠤᠯᠤᠮᠵᠢ ᠬᠤᠶᠠᠷ ᠫᠠᠶᠢᠰᠠ᠂ ᠪᠡᠶ᠎ᠡ ᠪᠠᠨ ᠳᠠᠭᠠᠭᠠᠵᠤ ᠠᠵᠢᠯᠯᠠᠬᠤ ᠬᠠᠮᠢᠶᠠᠷᠤᠯᠳᠠ ᠶᠢᠨ ᠪᠠᠶᠢᠭᠤᠯᠤᠮᠵᠢ ᠶᠢ | ᠬᠡᠷᠡᠭᠵᠢᠬᠦᠯᠦᠨ᠎ᠡ᠃ ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠨᠢ | ᠳᠤᠤᠷ᠎ᠠ ᠪᠠᠨ ᠬᠤᠶᠠᠷᠬᠤᠳᠳᠤᠭ ᠤᠨ ᠬᠠᠳᠤᠨ ᠭᠤᠤᠯ ᠤᠨ ᠤᠰᠤᠯᠠᠯᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢ | ᠬᠠᠮᠢᠶᠠᠷᠴᠤ᠂ ᠳᠡᠭᠷᠢ ᠡᠯᠡᠰᠦ ᠪᠠᠯᠭᠠᠰᠤ᠂ ᠵᠢᠷᠭᠠᠯᠰᠠᠶᠢᠬᠠᠨ ᠪᠠᠯᠭᠠᠰᠤ ᠶᠢ ᠨᠠᠶᠢᠳᠠᠨ ᠬᠠᠮᠢᠶᠠᠷᠤᠨ᠎ᠠ᠃ | ⒏ᠤᠰᠤ ᠨᠡᠬᠦᠷᠡᠰᠦᠨ ᠤ ᠬᠠᠮᠳᠤᠷᠠᠯᠴᠠᠭ᠎ᠠ᠄ ᠨᠢᠩᠰᠢᠶᠠ ᠶᠢᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ | ᠤᠨ ᠣᠷᠳᠤᠨ ᠪᠤᠯᠤᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ | ᠤ《 ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠬᠤᠷᠰᠢᠨ ᠠᠵᠢᠯᠯᠠᠬᠤ ᠪᠤᠷᠤ | ᠲᠦᠯᠦᠪ ᠤᠨ ᠬᠡᠯᠡᠯᠴᠡᠬᠡᠷ》᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠯᠠᠱᠠ ᠠᠶᠢᠮᠠᠭ ᠪᠤᠯᠤᠨ | ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠤ ᠲᠡᠷᠡᠰᠦᠨ ᠬᠤᠳᠠ ᠶᠢᠨ《 ᠤᠷᠤᠨ | ᠪᠦᠰᠡ ᠶᠢᠨ ᠴᠢᠨᠠᠷᠳᠠᠢ ᠬᠠᠮᠳᠤᠷᠠᠨ ᠠᠵᠢᠯᠯᠠᠬᠤ ᠪᠤᠷᠤ ᠲᠦᠯᠦᠪ ᠤᠨ ᠬᠡᠯᠡᠯᠴᠡᠬᠡᠷ》 ᠢ ᠦᠨᠳᠦᠰᠦᠯᠡᠨ᠂ ᠲᠡᠷᠡᠰᠦᠨ | ᠬᠤᠳᠠ ᠶᠢᠨ ᠡᠯᠪᠡᠭ ᠪᠠᠶᠠᠯᠢᠭ ᠭᠠᠵᠠᠷ ᠤᠨ ᠭᠠᠳᠠᠷᠭᠤ ᠶᠢᠨ ᠤᠰᠤᠨ ᠤ ᠡᠬᠢ ᠪᠠᠶᠠᠯᠢᠭ ᠲᠤ ᠲᠦᠰᠢᠭᠯᠡᠨ᠂ | ᠲᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠤ ᠤᠰᠤ ᠬᠠᠩᠭᠠᠬᠤ ᠢᠨᠵᠧᠨᠧᠷᠢᠩ ᠤᠨ | ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠠᠯᠠᠱᠠ ᠵᠡᠬᠦᠨ ᠬᠤᠰᠢᠭᠤ ᠨᠢ ᠵᠢᠯ ᠪᠤᠯᠭᠠᠨ ᠲᠡᠷᠡᠰᠦᠨ | ᠬᠤᠳᠠ ᠳᠤ ᠨᠡᠬᠦᠷᠡᠰᠦ ᠬᠠᠩᠭᠠᠵᠤ᠂ ᠲᠡᠷᠡᠰᠦᠨ ᠬᠤᠳᠠ ᠨᠢ ᠲᠡᠭᠷᠢ ᠶᠢᠨ ᠠᠵᠤ ᠠᠬᠤᠢ ᠶᠢᠨ ᠮᠡᠷᠬᠡᠵᠢᠯ ᠤᠨ | ᠨᠡᠬᠡᠬᠡᠯᠳᠡ ᠶᠢᠨ ᠤᠷᠤᠨ ᠳᠤ ᠤᠰᠤᠨ ᠤ ᠡᠬᠢ ᠰᠤᠷᠪᠤᠯᠵᠢ ᠶᠢᠨ ᠲᠡᠮᠵᠢᠯᠬᠡ ᠦᠵᠡᠬᠦᠯᠵᠦ᠂ ᠡᠬᠢ ᠪᠠᠶᠠᠯᠢᠭ ᠢᠶᠠᠨ | ᠬᠠᠷᠢᠯᠴᠠᠨ ᠨᠦᠬᠦᠪᠦᠷᠢᠯᠠᠨ᠂ ᠠᠵᠤ ᠠᠬᠤᠢ ᠪᠠᠨ ᠬᠦᠭᠵᠢᠬᠦᠯᠵᠦ᠂ ᠠᠮᠢ ᠠᠬᠤᠢ ᠶᠢ ᠵᠠᠰᠠᠬᠤ ᠶᠢ ᠪᠡᠶᠡᠯᠡᠬᠦᠯᠦᠨ᠂ | ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠲᠠᠢ ᠪᠠᠶᠢᠬᠤ ᠨᠦᠬᠦᠷᠰᠡᠭ ᠬᠠᠮᠳᠤᠷᠠᠯᠴᠠᠭ᠎ᠠ ᠶᠢ ᠠᠬᠢᠭᠤᠯᠤᠨ᠎ᠠ᠃ | ⒐《 ᠵᠠᠰᠠᠨ ᠴᠡᠭᠴᠡᠯᠡᠬᠦ᠂ ᠪᠠᠶᠢᠭᠤᠯᠬᠤ᠂ ᠪᠤᠢ ᠪᠤᠯᠭᠠᠬᠤ》ᠠᠵᠢᠯᠯᠠᠭ᠎ᠠ᠄《 ᠳᠤᠮᠳᠠᠳᠤ ᠤᠯᠤᠰ ᠤᠨ ᠡᠪ | ᠬᠠᠮᠳᠤ ᠨᠠᠮ ᠤᠨ ᠠᠯᠠᠱᠠ ᠠᠶᠢᠮᠠᠭ ᠤᠨ ᠬᠤᠷᠢᠶᠠᠨ ᠤ ᠠᠯᠪᠠᠨ ᠳᠢᠩᠬᠢᠮ᠂ ᠠᠯᠠᠱᠠ ᠠᠶᠢᠮᠠᠭ ᠤᠨ ᠵᠠᠬᠢᠷᠭᠠᠨ ᠤ | ᠠᠯᠪᠠᠨ ᠳᠢᠩᠬᠢᠮ ᠤᠨ ︿ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠂ ᠠᠵᠢᠯ ᠤᠨ ᠰᠤᠷᠳᠠᠯ ᠢ ᠴᠡᠭᠴᠡᠯᠡᠬᠦ | ᠳᠤᠬᠠᠢ ᠰᠠᠨᠠᠯ﹀ ᠢ ᠳᠠᠷᠤᠮᠠᠯᠯᠠᠨ ᠳᠠᠷᠬᠠᠭᠠᠬᠤ ᠮᠡᠳᠡᠭᠳᠡᠯ》 ᠤᠨ ᠳᠤᠬᠢᠷᠠᠭᠤᠯᠤᠯᠳᠠ ᠪᠠᠶᠢᠷᠢᠯᠠᠭᠤᠯᠤᠯᠳᠠ ᠶᠢ | ᠦᠨᠳᠦᠰᠦᠯᠡᠨ᠂ ᠪᠦᠬᠦ ᠠᠶᠢᠮᠠᠭ ᠤᠨ ᠬᠡᠪᠴᠢᠶᠡᠨ ᠳᠤ《 ᠵᠠᠰᠠᠨ ᠴᠡᠭᠴᠡᠯᠡᠬᠦ᠂ ᠪᠠᠶᠢᠭᠤᠯᠬᠤ᠂ ᠪᠤᠢ ᠪᠤᠯᠭᠠᠬᠤ》 | ᠪᠠᠷ ᠭᠤᠤᠯ ᠠᠭᠤᠯᠭ᠎ᠠ ᠪᠠᠨ ᠪᠤᠯᠭᠠᠭᠰᠠᠨ ᠠᠵᠢᠯ ᠤᠨ ᠰᠠᠬᠢᠯᠭ᠎ᠠ ᠪᠠᠳᠤ ᠶᠢ ᠴᠢᠩᠭᠠᠳᠬᠠᠨ᠂ ᠠᠵᠢᠯ ᠤᠨ ᠰᠤᠷᠳᠠᠯ | ᠢ ᠴᠡᠭᠴᠡᠯᠡᠬᠦ ᠳᠤᠰᠬᠠᠢ ᠳᠦᠷᠦᠯ ᠤᠨ ᠠᠵᠢᠯᠯᠠᠭ᠎ᠠ ᠶᠢ ᠦᠷᠨᠢᠬᠦᠯᠪᠡ᠃《 ᠵᠠᠰᠠᠨ ᠴᠡᠭᠴᠡᠯᠡᠬᠦ》 ᠭᠡᠳᠡᠭ ᠨᠢ | ᠠᠵᠢᠯ ᠤᠨ ᠰᠤᠷᠳᠠᠯ ᠶᠢᠨ ᠵᠠᠰᠠᠨ ᠴᠡᠭᠴᠡᠯᠡᠵᠦ᠂ ᠠᠯᠵᠠᠭᠤ ᠬᠤᠶᠢᠷᠭᠤ ᠰᠤᠯᠠ ᠵᠠᠳᠠᠭᠠᠢ ᠪᠦᠷᠢᠯᠬᠡᠨ ᠰᠦᠢᠳᠬᠡᠬᠦ᠂ | ᠲᠤᠷ᠎ᠠ ᠲᠠᠪᠠ ᠪᠠᠷ ᠢᠳᠡᠬᠦ ᠭᠠᠴᠢᠭᠳᠠᠭᠤᠯᠬᠤ ᠠᠪᠬᠤ ᠵᠡᠷᠬᠡ ᠲᠤᠪᠤᠶᠢᠮ᠎ᠠ ᠠᠰᠠᠭᠤᠳᠠᠯ ᠢ ᠡᠷᠴᠢᠮᠳᠡᠢ ᠵᠠᠰᠠᠨ | ᠴᠡᠭᠴᠡᠯᠡᠬᠦ ᠶᠢ ᠵᠢᠭᠠᠨ᠎ᠠ᠃《 ᠪᠠᠶᠢᠭᠤᠯᠬᠤ》 ᠭᠡᠳᠡᠭ ᠨᠢ ᠲᠦᠷᠢᠮ ᠲᠤᠭᠳᠠᠭᠠᠯ ᠢ ᠪᠠᠶᠢᠭᠤᠯᠵᠤ ᠲᠡᠬᠦᠯᠳᠡᠷᠵᠢᠬᠦᠯᠦᠨ | ᠂ ᠰᠤᠷᠳᠠᠯ ᠤᠨ ᠪᠠᠶᠢᠭᠤᠯᠤᠯᠳᠠ ᠶᠢᠨ ᠪᠠᠶᠢᠩᠭᠤ ᠪᠦᠳᠦᠮᠵᠢᠳᠡᠢ ᠲᠤᠭᠳᠠᠯᠴᠠᠭ᠎ᠠ ᠶᠢ ᠪᠦᠷᠢᠯᠳᠦᠬᠦᠯᠬᠦ ᠶᠢ ᠵᠢᠭᠠᠨ᠎ᠠ᠃《 | ᠪᠤᠢ ᠪᠤᠯᠭᠠᠬᠤ》 ᠭᠡᠳᠡᠭ ᠨᠢ ᠲᠡᠷᠢᠬᠦᠨ ᠤ ᠬᠢ ᠶᠢ ᠪᠤᠢ ᠪᠤᠯᠭᠠᠵᠤ᠂ ᠴᠢᠬᠡᠴᠢ ᠰᠤᠷᠳᠠᠯ ᠢ ᠪᠤᠢ ᠪᠤᠯᠭᠠᠨ᠂ ᠲᠦᠪ | ᠰᠤᠷᠳᠠᠯ ᠢ ᠪᠤᠢ ᠪᠤᠯᠭᠠᠵᠤ᠂ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠪᠦᠷᠢᠯᠳᠦᠬᠦᠯᠬᠦ ᠶᠢ ᠵᠢᠭᠠᠨ᠎ᠠ᠃ | ⒑《 ᠲᠦᠷᠪᠡᠨ ᠰᠤᠷᠳᠠᠯ 》 ᠤᠨ ᠠᠰᠠᠭᠤᠳᠠᠯ᠄ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠵᠢᠷᠭᠠᠨ ᠴᠡᠩᠬᠡᠬᠦ | ᠦᠵᠡᠯ ᠪᠤᠯᠤᠨ ᠪᠦᠷᠢᠯᠬᠡᠨ ᠰᠦᠢᠳᠬᠡᠬᠦ ᠰᠤᠷᠳᠠᠯ ᠢ ᠵᠢᠭᠠᠨ᠎ᠠ᠃ | ⒒ᠲᠦᠷᠪᠡᠨ ᠶᠡᠭᠡ ᠠᠵᠢᠯᠯᠠᠭ᠎ᠠ᠂ ᠵᠢᠷᠭᠤᠭᠠᠨ ᠶᠡᠭᠡ ᠢᠨᠵᠧᠨᠧᠷᠢᠩ᠄ 《 ᠨᠠᠮ ᠤᠨ ᠤᠯᠠᠨ ᠲᠦᠮᠡᠨᠴᠢ ᠱᠤᠭᠤᠮ | ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ ᠲᠤᠮᠳᠠ〈ᠲᠦᠷᠪᠡᠨ ᠶᠡᠭᠡ ᠠᠵᠢᠯᠯᠠᠭ᠎ᠠ 〉 ᠶᠢ ᠦᠷᠨᠢᠬᠦᠯᠵᠦ᠂ | 〈ᠵᠢᠷᠭᠤᠭᠠᠨ ᠶᠡᠭᠡ ᠢᠨᠵᠧᠨᠧᠷᠢᠩ〉 ᠢ ᠬᠡᠷᠡᠭᠵᠢᠬᠦᠯᠬᠦ ᠲᠤᠬᠠᠢ ᠦᠪᠦᠷ ᠮᠤᠩᠭᠤᠯ ᠤᠨ ᠨᠠᠮ ᠤᠨ ᠬᠤᠷᠢᠶᠠᠨ ᠤ | ᠰᠠᠨᠠᠯ》 ᠳᠤ᠂ ᠨᠠᠮ ᠤᠨ ᠤᠯᠠᠨ ᠲᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ ᠠᠵᠢᠯᠯᠠᠭᠠᠨ | ᠲᠤᠮᠳᠠ《ᠶᠡᠭᠡ ᠪᠠᠷ ᠰᠤᠷᠤᠯᠴᠠᠬᠤ᠂ ᠶᠡᠭᠡ ᠪᠠᠷ ᠪᠠᠶᠢᠴᠠᠭᠠᠨ ᠰᠤᠳᠤᠯᠤᠯᠳᠠ ᠬᠢᠬᠦ᠂ ᠰᠤᠷᠪᠤᠯᠵᠢᠯᠠᠯ ᠢ ᠶᠡᠭᠡ ᠪᠠᠷ | ᠬᠦᠯᠢᠶᠡᠨ ᠠᠪᠬᠤ᠂ ᠶᠡᠭᠡ ᠪᠠᠷ ᠨᠠᠶᠢᠳᠠᠪᠤᠷᠢᠵᠢᠭᠤᠯᠬᠤ》 ᠪᠠᠷ ᠭᠤᠤᠯ ᠠᠭᠤᠯᠭ᠎ᠠ ᠪᠤᠯᠭᠠᠭᠰᠠᠨ 《ᠲᠦᠷᠪᠡᠨ ᠶᠡᠭᠡ | ᠠᠵᠢᠯᠯᠠᠭ᠎ᠠ 》 ᠶᠢ ᠲᠦᠪᠯᠡᠷᠡᠬᠦᠯᠦᠨ ᠦᠷᠨᠢᠬᠦᠯᠵᠦ᠂ 《 ᠶᠠᠳᠠᠭᠤ ᠶᠢ ᠲᠡᠳᠬᠦᠬᠦ ᠪᠠᠬᠢᠯᠡᠯᠳᠡ ᠶᠢᠨ ᠢᠨᠵᠧᠨᠧᠷᠢᠩ᠂ | ᠦᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ᠂ ᠠᠮᠤᠷ ᠲᠤᠭᠳᠠᠭᠤᠨ ᠢ ᠡᠬᠦᠳᠦᠨ ᠪᠠᠶᠢᠭᠤᠯᠬᠤ ᠢᠨᠵᠧᠨᠧᠷᠢᠩ᠂ | ᠠᠷᠠᠳ ᠤᠨ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ᠂ ᠴᠢᠳᠠᠪᠤᠷᠢᠳᠠᠨ ᠢ ᠬᠦᠮᠦᠵᠢᠬᠦᠯᠬᠦ ᠢᠨᠵᠧᠨᠧᠷᠢᠩ᠂ | ᠺᠠᠳ᠋ᠷ ᠤᠨ ᠬᠡᠪ ᠰᠤᠷᠳᠠᠯ ᠢ ᠲᠡᠭᠡᠭᠰᠢᠯᠡᠬᠦᠯᠬᠦ ᠢᠨᠵᠧᠨᠧᠷᠢᠩ 》 ᠢᠶᠠᠷ ᠭᠤᠤᠯ ᠠᠭᠤᠯᠭ᠎ᠠ ᠪᠤᠯᠭᠠᠭᠰᠠᠨ《ᠵᠢᠷᠭᠤᠭᠠᠨ | ᠶᠡᠭᠡ ᠢᠨᠵᠧᠨᠧᠷᠢᠩ》 ᠢ ᠬᠦᠨᠵᠡᠬᠡᠢ ᠲᠦᠯᠬᠢᠨ ᠠᠬᠢᠭᠤᠯᠤᠨ᠎ᠠ ᠬᠡᠵᠦ ᠲᠤᠷᠠᠳᠴᠠᠢ᠃ | ⒓《 ᠭᠤᠷᠪᠠᠨ ᠠᠯᠪᠠᠨ 》 ᠤ ᠵᠠᠷᠤᠳᠠᠯ᠄ ᠠᠯᠪᠠᠨ ᠤ ᠵᠤᠭᠤᠰ ᠢᠶᠠᠷ ᠭᠠᠳᠠᠭᠠᠳᠤ ︵ᠬᠢᠯᠢ︶ ᠳᠤ ᠭᠠᠷᠬᠤ ᠵᠠᠷᠤᠳᠠᠯ | ᠂ ᠠᠯᠪᠠᠨ ᠤ ᠵᠤᠭᠤᠰ ᠢᠶᠠᠷ ᠲᠡᠷᠬᠡ ᠬᠤᠳᠠᠯᠳᠤᠨ ᠠᠪᠬᠤ ᠵᠢᠴᠢ ᠰᠡᠯᠪᠢᠨ ᠵᠠᠰᠠᠬᠤ ᠵᠠᠷᠤᠳᠠᠯ᠂ ᠠᠯᠪᠠᠨ ᠤ | ᠵᠤᠭᠤᠰ ᠢᠶᠠᠷ ᠵᠤᠴᠢᠯᠠᠬᠤ ᠵᠠᠷᠤᠳᠠᠯ ᠢ ᠵᠢᠭᠠᠨ᠎ᠠ᠃ | ⒔ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠦ ᠠᠷᠠᠳ ᠢᠶᠠᠨ ᠪᠠᠶᠠᠵᠢᠭᠤᠯᠬᠤ ᠢᠨᠵᠧᠨᠧᠷᠢᠩ᠄ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ《8337》 ᠬᠦᠭᠵᠢᠬᠦᠯᠦᠯᠳᠡ ᠵᠢᠨᠰᠡᠳᠬᠢᠴᠡ | ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠶᠠᠳᠠᠭᠤ ᠶᠢ ᠲᠡᠳᠬᠦᠬᠦ ᠪᠠᠬᠢᠯᠡᠯᠳᠡ ᠶᠢᠨ | ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠵᠠᠰᠠᠭ | ᠤᠨ ᠤᠷᠳᠤᠨ ᠤ ᠵᠦᠪᠰᠢᠶᠡᠷᠡᠯ ᠢᠶᠠᠷ ᠶᠠᠪᠤᠭᠳᠠᠭᠤᠯᠵᠤ ᠪᠠᠶᠢᠭ᠎ᠠ ᠨᠢᠬᠡᠨ ᠴᠢᠬᠤᠯᠠ ᠠᠷᠭ᠎ᠠ ᠠᠪᠴᠠᠯ ᠪᠠᠶᠢᠵᠤ᠂ ᠶᠠᠳᠠᠭᠤ | ᠶᠢ ᠲᠡᠳᠬᠦᠬᠦ ᠪᠠᠶᠢᠭᠤᠯᠤᠮᠵᠢ ᠲᠤᠭᠳᠠᠴᠠ ᠶᠢᠨ ᠰᠢᠨ᠎ᠡ ᠶᠢ ᠡᠬᠦᠳᠬᠦ ᠠᠵᠢᠯᠯᠠᠭ᠎ᠠ ᠮᠦᠨ᠂ ᠮᠦᠨᠴᠦ ᠶᠠᠳᠠᠭᠤ ᠶᠢ | ᠲᠡᠳᠬᠦᠬᠦ ᠠᠷᠭ᠎ᠠ ᠪᠠᠷᠢᠯ ᠤᠨ ᠴᠢᠬᠤᠯᠠ ᠬᠤᠪᠢᠷᠠᠯᠳᠠ ᠪᠠᠶᠢᠵᠤ᠂ ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ | ᠦᠢᠯᠡᠳᠦᠯ ᠢ ᠬᠦᠢᠴᠡᠳ ᠪᠠᠳᠠᠷᠠᠭᠤᠯᠬᠤ ᠳᠤ ᠠᠰᠢᠭᠳᠠᠢ ᠪᠠᠶᠢᠵᠤ᠂ ᠶᠠᠳᠠᠭᠤ ᠶᠢ ᠲᠡᠳᠬᠦᠬᠦ ᠡᠬᠢ ᠪᠠᠶᠠᠯᠢᠭ ᠢ | ᠵᠤᠬᠢᠰᠳᠠᠢ ᠪᠦᠳᠦᠮᠵᠢᠳᠡᠢ ᠪᠠᠷ ᠲᠤᠬᠢᠷᠠᠭᠤᠯᠵᠦ᠂ ᠬᠦᠴᠦ ᠪᠠᠨ ᠲᠦᠪᠯᠡᠷᠡᠬᠦᠯᠦᠨ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠨ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠺᠠᠳ᠋ᠷ ᠤᠯᠠᠨ ᠲᠦᠮᠡᠨ ᠤ ᠢᠳᠡᠪᠬᠢᠵᠢᠯ ᠪᠠ ᠡᠬᠦᠳᠦᠨ | ᠪᠦᠳᠦᠬᠡᠯᠴᠢ ᠴᠢᠨᠠᠷ ᠢ ᠬᠠᠮᠤᠭ ᠶᠡᠭᠡ ᠪᠠᠷ ᠤᠷᠮᠠᠰᠢᠭᠤᠯᠤᠨ ᠬᠦᠭᠵᠢᠬᠡᠨ᠎ᠡ᠃ ᠶᠠᠳᠠᠭᠤ ᠶᠢ ᠲᠡᠳᠬᠦᠬᠦ ᠪᠡᠯᠡ ᠮᠦᠩᠬᠦ | ᠪᠠᠷ ᠲᠠᠮᠵᠢᠨ《 ᠮᠢᠩᠭᠠᠨ ᠯᠠᠩ ᠢᠶᠠᠷ ᠲᠦᠮᠡᠨ ᠵᠢᠩ ᠢ ᠡᠷᠬᠦᠬᠦ》ᠦᠢᠯᠡᠳᠦᠯ ᠢ ᠪᠠᠳᠠᠷᠠᠭᠤᠯᠵᠤ᠂ ᠮᠦᠩᠬᠦᠨ | ᠬᠦᠢᠯᠬᠡᠬᠡᠨ ᠤ ᠪᠡᠯᠡ ᠮᠦᠩᠬᠦ ᠶᠢ ᠶᠠᠳᠠᠭᠤ ᠶᠢ ᠲᠡᠳᠬᠦᠬᠦ ᠲᠡᠭᠡᠷ᠎ᠡ ᠬᠡᠷᠡᠭᠯᠡᠨ᠂ ᠶᠠᠳᠠᠭᠤ ᠬᠦᠴᠢᠷᠳᠡᠯᠳᠡᠢ ᠮᠠᠯᠴᠢᠨ | ᠲᠠᠷᠢᠶᠠᠴᠢᠨ ᠤ ᠪᠠᠳᠤᠯᠠᠭ᠎ᠠ ᠬᠢᠬᠦ ᠳᠤ ᠬᠦᠴᠢᠷ᠂ ᠵᠢᠬᠡᠯᠡᠯᠬᠡ ᠬᠢᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ | ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠤ ᠦᠪᠡᠷᠳᠡᠬᠡᠨ ᠬᠦᠭᠵᠢᠬᠦ ᠴᠢᠳᠠᠪᠤᠷᠢ ᠶᠢ ᠬᠦᠮᠦᠵᠢᠬᠦᠯᠦᠨ᠂ | ᠤᠷᠤᠯᠭ᠎ᠠ ᠶᠢ ᠨᠡᠮᠡᠭᠳᠡᠬᠦᠯᠵᠦ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠤᠨ᠎ᠠ᠃ | ⒕210 ᠶᠢᠨ ᠢᠨᠵᠧᠨᠧᠷᠢᠩ᠄ ᠲᠤᠳᠤᠭᠠᠳᠤ ᠶᠢ ᠬᠠᠮᠠᠭᠠᠯᠠᠬᠤ ᠶᠠᠮᠤᠨ ᠠᠴᠠ ᠲᠤᠷᠠᠳᠤᠭᠰᠠᠨ ᠵᠠᠷᠤᠳᠠᠯ ᠤᠨ | ᠪᠠᠳᠤᠯᠠᠭ᠎ᠠ᠂ ᠲᠤᠨᠤᠭᠯᠠᠯ ᠤᠨ ᠪᠥᠳᠥᠬᠡᠨ ᠪᠠᠶᠢᠭᠤᠯᠤᠯᠳᠠ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ | ᠂ ᠪᠠᠴᠢᠮ ᠢ ᠠᠷᠭᠠᠴᠠᠭᠠᠬᠤ ᠪᠠᠳᠤᠯᠠᠭ᠎ᠠ᠂ ᠰᠠᠭᠤᠷᠢᠯᠠᠬᠤ ᠠᠵᠢᠯ᠂ ᠡᠩᠨᠡᠬᠡᠨ ᠤ ᠪᠥᠳᠥᠬᠡᠨ ᠪᠠᠶᠢᠭᠤᠯᠤᠯᠳᠠ ᠶᠢ | ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢᠨ 210 ᠵᠥᠢᠯ ᠤᠨ ᠭᠤᠤᠯᠳᠠᠯᠭ᠎ᠠ ᠲᠠᠢ ᠡᠬᠦᠷᠭᠡ ᠶᠢ ᠵᠢᠭᠠᠨ᠎ᠠ᠃ | ⒖《532》᠂《456》 ᠠᠵᠢᠯᠯᠠᠬᠤ ᠠᠷᠭ᠎ᠠ᠄ ᠲᠦᠩᠯᠢᠶᠤᠤ ᠬᠤᠳᠠ᠂ ᠪᠤᠭᠤᠳᠤ ᠬᠤᠳᠠ ᠲᠤᠰᠪᠤᠷᠢ | ᠬᠤᠷᠢᠶᠠᠩᠭᠤᠶᠢᠯᠠᠵᠤ ᠭᠠᠷᠭᠠᠭᠰᠠᠨ《532》 ᠠᠵᠢᠯᠯᠠᠬᠤ ᠠᠷᠭ᠎ᠠ ᠪᠠ《456》 ᠠᠵᠢᠯᠯᠠᠬᠤ ᠠᠷᠭ᠎ᠠ ᠪᠤᠯᠤᠨ᠎ᠠ᠃ | ᠲᠡᠷᠡ ᠨᠢ ᠮᠠᠯᠵᠢᠬᠤ ᠲᠠᠷᠢᠶᠠᠯᠠᠬᠤ ᠤᠷᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ | ᠬᠤᠶᠠᠷ ᠵᠦᠪᠯᠡᠯ ᠤᠨ ᠪᠠᠭ ᠤᠨ ᠬᠠᠮᠢᠶᠠᠷᠤᠯᠳᠠ ᠰᠢᠢᠳᠪᠦᠷᠢᠳᠦ ᠪᠤᠳᠤᠯᠭ᠎ᠠ ᠪᠠ ᠤᠳᠤᠷᠢᠳᠬᠤ ᠺᠠᠳ᠋ᠷᠴᠤᠳ ᠤᠯᠠᠨ | ᠲᠦᠮᠡᠨ ᠲᠠᠢ ᠬᠠᠷᠢᠯᠴᠠᠵᠤ ᠠᠰᠠᠭᠤᠳᠠᠯ ᠰᠢᠢᠳᠪᠦᠷᠢᠯᠡᠬᠦ ᠶᠢ ᠲᠠᠷᠠᠭᠠᠯᠵᠢᠭᠤᠯᠵᠤ᠂ ᠪᠤᠳᠠᠳᠠᠶᠢᠵᠢᠭᠤᠯᠵᠤ᠂ | ᠨᠠᠷᠢᠯᠢᠭᠵᠢᠭᠤᠯᠵᠤ᠂ ᠦᠢᠯᠡᠳᠦᠯᠬᠡ ᠪᠠᠷ ᠲᠠᠮᠵᠢᠨ ᠰᠠᠶᠢᠨ ᠦᠷ᠎ᠡ ᠪᠦᠳᠦᠮᠵᠢ ᠤᠯᠤᠭᠠᠳ᠂ ᠲᠦᠪ ᠬᠤᠷᠢᠶ᠎ᠠ᠂ | ᠦᠪᠡᠷᠳᠡᠬᠡᠨ ᠵᠠᠰᠠᠬᠤ ᠤᠷᠤᠨ ᠤ ᠤᠳᠤᠷᠢᠳᠤᠯᠭ᠎ᠠ ᠶᠢᠨ ᠰᠠᠶᠢᠰᠢᠶᠠᠯ ᠢ ᠤᠯᠵᠤ᠂ ᠨᠡᠶᠢᠳᠡᠯᠢᠭ ᠲᠤᠷᠰᠢᠯᠭ᠎ᠠ ᠪᠤᠯᠭᠠᠨ | ᠡᠬᠢᠯᠡᠵᠦ ᠲᠡᠯᠬᠡᠷᠡᠬᠦᠯᠵᠡᠢ᠃ | ᠭᠠᠴᠠᠭ᠎ᠠ ᠲᠤᠰᠬᠤᠨ ᠤ ᠠᠷᠠᠳᠴᠢᠯᠠᠯ ᠤᠨ ᠬᠠᠮᠢᠶᠠᠷᠤᠯᠳᠠ ᠶᠢᠨ ︽532︾ ᠠᠵᠢᠯᠯᠠᠬᠤ ᠠᠷᠭ᠎ᠠ᠄ ᠭᠠᠴᠠᠭ᠎ᠠ | ᠲᠤᠰᠬᠤᠨ ᠤ ᠲᠡᠰ ᠤᠨ ᠴᠢᠬᠤᠯᠠ ᠶᠡᠭᠡ ᠤᠴᠢᠷ ᠶᠠᠪᠤᠳᠠᠯ ᠳᠤ ᠡᠷᠬᠡᠪᠰᠢ ︽ᠲᠠᠪᠤᠨ ᠲᠠᠷᠠᠭᠠᠯᠠᠯ︾ ᠢ ᠴᠢᠩᠭ᠎ᠠ | ᠬᠦᠢᠴᠡᠳᠬᠡᠨ᠂ ︽ᠭᠤᠷᠪᠠ ᠤᠳᠠᠭ᠎ᠠ ᠶᠢᠨ ᠬᠢᠨᠠᠯᠳᠠ︾ ᠶᠢ ᠲᠡᠰ ᠲᠠᠷᠠᠭᠠᠯᠠᠨ ᠶᠠᠪᠤᠭᠳᠠᠭᠤᠯᠵᠤ᠂ ︽ᠬᠤᠶᠠᠷ ᠢ | ᠨᠡᠶᠢᠳᠡᠯᠡᠬᠦ︾ ᠶᠢ ᠪᠠᠷᠢᠮᠳᠠᠯᠠᠨ ᠬᠡᠷᠡᠭᠵᠢᠬᠦᠯᠥᠨ᠎ᠡ᠃ ︽ᠲᠠᠪᠤᠨ ᠲᠠᠷᠠᠭᠠᠯᠠᠯ︾ ᠬᠡᠳᠡᠭ ᠨᠢ ᠨᠠᠮ ᠤᠨ ᠡᠬᠦᠷ ᠠᠴᠠ | ᠰᠠᠨᠠᠭᠤᠯᠭ᠎ᠠ ᠲᠤᠷᠠᠳᠬᠤ᠂《 ᠬᠤᠶᠠᠷ ᠵᠦᠪᠯᠡᠯ 》 ᠠᠴᠠ ᠵᠥᠪᠳᠡᠯᠴᠡᠬᠦ᠂ ᠨᠠᠮ ᠤᠨ ᠬᠡᠰᠢᠬᠦᠳ ᠤᠨ ᠶᠡᠭᠡ ᠬᠤᠷᠠᠯ | ᠢᠶᠠᠷ ᠬᠢᠨᠡᠨ ᠵᠥᠪᠯᠡᠬᠦ᠂ ᠭᠠᠴᠠᠭ᠎ᠠ ᠲᠤᠰᠬᠤᠨ ᠤ ᠠᠷᠠᠳ ᠤᠨ ᠲᠥᠯᠥᠬᠡᠯᠡᠭᠴᠢᠳ ᠤᠨ ᠬᠤᠷᠠᠯ ᠪᠤᠶᠤ ᠭᠠᠴᠠᠭ᠎ᠠ | ᠲᠤᠰᠬᠤᠨ ᠤ ᠠᠷᠠᠳ ᠤᠨ ᠬᠤᠷᠠᠯ ᠢᠶᠠᠷ ᠰᠢᠢᠳᠪᠦᠷᠢ ᠭᠠᠷᠭᠠᠬᠤ᠂ ︽ᠬᠤᠶᠠᠷ ᠵᠦᠪᠯᠡᠯ︾ ᠬᠠᠮᠳᠤᠪᠡᠷ ᠵᠤᠬᠢᠶᠠᠨ | ᠪᠠᠶᠢᠭᠤᠯᠵᠤ ᠬᠡᠷᠡᠭᠵᠢᠬᠦᠯᠬᠦ ᠶᠢ ᠵᠢᠭᠠᠨ᠎ᠠ᠃ ︽ᠭᠤᠷᠪᠠ ᠤᠳᠠᠭ᠎ᠠ ᠶᠢᠨ ᠬᠢᠨᠡᠯᠳᠡ︾ ᠭᠡᠳᠡᠭ ᠨᠢ ᠳᠠᠷᠤᠢ ᠰᠤᠮᠤ | ᠪᠠᠯᠭᠠᠰᠤ ᠭᠠᠴᠠᠭ᠎ᠠ ᠲᠤᠰᠬᠤᠨ ᠤ ᠠᠵᠢᠯ ᠢ ᠵᠤᠬᠢᠴᠠᠭᠤᠯᠤᠨ ᠵᠢᠯᠤᠭᠤᠳᠬᠤ ᠲᠤᠭᠤᠶᠢᠯᠠᠩ ᠭᠠᠴᠠᠭ᠎ᠠ ᠲᠤᠰᠬᠤᠨ ᠤ ︽ | ᠬᠤᠶᠠᠷ ᠵᠦᠪᠯᠡᠯ︾ ᠤᠨ ᠵᠦᠪᠯᠡᠭᠰᠡᠨ ᠰᠠᠨᠠᠯ ᠢ ᠬᠢᠨᠠᠬᠤ᠂ ᠨᠠᠮ ᠤᠨ ᠬᠡᠰᠢᠬᠦᠳ ᠤᠨ ᠶᠡᠭᠡ ᠬᠤᠷᠠᠯ ᠪᠠ ᠭᠠᠴᠠᠭ᠎ᠠ | ᠲᠤᠰᠬᠤᠨ ᠤ ᠲᠥᠯᠥᠬᠡᠯᠡᠭᠴᠢᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠬᠤᠷᠠᠯ ᠢᠶᠠᠷ ᠬᠢᠨᠠᠨ | ᠵᠥᠪᠯᠡᠵᠥ ᠪᠠᠳᠤᠯᠠᠭᠰᠠᠨ ᠲᠠᠷᠠᠭᠠᠯᠠᠯ ᠢ ᠬᠢᠨᠠᠬᠤ᠂ ᠭᠠᠴᠠᠭ᠎ᠠ ᠲᠤᠰᠬᠤᠨ ᠤ ᠵᠥᠪᠳᠡᠯᠴᠡᠨ ᠲᠤᠬᠢᠷᠠᠭᠰᠠᠨ ᠬᠡᠷᠡᠭ ᠵᠥᠢᠯ | ᠢ ᠬᠡᠷᠡᠭᠵᠢᠬᠦᠯᠦᠭᠰᠡᠨ ᠤ ᠲᠠᠷᠠᠭᠠᠬᠢ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢᠨ ᠲᠠᠩᠰᠨ ᠶᠢ ᠭᠠᠴᠠᠭ᠎ᠠ | ᠲᠤᠰᠬᠤᠨ ᠳᠤ ᠤᠷᠤᠭᠤᠯᠬᠤ ︽ᠬᠢᠨᠠᠨ ᠲᠠᠰᠤᠯᠤᠯᠳᠠ︾ ᠶᠢ ᠬᠢᠨᠠᠬᠤ ᠶᠢ ᠵᠢᠭᠠᠨ᠎ᠠ᠃ ︽ ᠬᠤᠶᠠᠷ ᠢ ᠨᠡᠶᠢᠳᠡᠯᠡᠬᠦ︾ | ᠭᠡᠳᠡᠭ ᠨᠢ ᠰᠢᠢᠳᠪᠥᠷᠢ ᠶᠢ ᠬᠡᠷᠡᠭᠵᠢᠬᠦᠯᠬᠦ ᠠᠴᠠ ᠡᠮᠤᠨ᠎ᠡ ᠤᠯᠠᠨ ᠲᠥᠮᠡᠨ ᠳᠤ ᠬᠡᠷᠡᠭᠵᠢᠬᠦᠯᠬᠦ ᠲᠦᠰᠦᠯ ᠢ | ᠨᠡᠶᠢᠳᠡᠯᠡᠬᠦ᠂ ᠰᠢᠢᠳᠪᠥᠷᠢ ᠶᠢ ᠬᠡᠷᠡᠭᠵᠢᠬᠦᠯᠥᠭᠰᠡᠨ ᠤ ᠬᠤᠶᠢᠨ᠎ᠠ ᠤᠯᠠᠨ ᠲᠥᠮᠡᠨ ᠳᠤ ᠬᠡᠷᠡᠭᠵᠢᠬᠦᠯᠥᠭᠰᠡᠨ ᠶᠠᠪᠤᠴᠠ ᠪᠠ | ᠥᠷ᠎ᠡ ᠳ᠋ᠦᠩ ᠢ ᠨᠡᠶᠢᠳᠡᠯᠡᠬᠦ ᠶᠢ ᠪᠠᠭᠳᠠᠭᠠᠨ᠎ᠠ᠃ | ᠺᠠᠳ᠋ᠷᠴᠤᠳ ᠣᠯᠠᠨ ᠲᠥᠮᠡᠨ ᠲᠠᠢ ᠬᠠᠷᠢᠯᠴᠠᠵᠤ ᠣᠶᠢᠯᠡᠴᠢᠯᠡᠬᠦ ︽456︾ ᠠᠵᠢᠯᠯᠠᠬᠤ ᠠᠷᠭ᠎ᠠ ᠄ ︽4︾ ᠪᠣᠯ | ᠲᠥᠷᠥ ᠶᠢᠨ ᠪᠣᠳᠣᠯᠭ᠎ᠠ ᠶᠢ ᠣᠬᠠᠭᠤᠯᠣᠨ ᠲᠠᠶᠢᠯᠪᠤᠷᠢᠯᠠᠬᠤ᠂ ᠠᠰᠠᠭᠤᠳᠠᠯ ᠢ ᠰᠡᠢᠳᠪᠣᠷᠢᠯᠡᠬᠦ᠂ ᠬᠥᠴᠢᠷ ᠢ | ᠬᠠᠪᠰᠣᠷᠣᠨ ᠪᠠᠶᠠᠵᠢᠯ ᠢ ᠲᠠᠭᠠᠭᠤᠯᠬᠤ᠂ ᠣᠯᠠᠨ ᠲᠥᠮᠡᠨ ᠵᠥᠪᠯᠡᠨ ᠲᠣᠭᠲᠠᠭᠠᠬᠤ ᠪᠠᠷ ᠭᠤᠣᠯ ᠠᠭᠤᠯᠭ᠎ᠠ ᠪᠠᠨ | ᠪᠣᠯᠭᠠᠭᠰᠠᠨ ︽ᠲᠦᠷᠪᠡ ᠶᠢ ᠡᠷᠦᠬᠡ ᠳᠤ ᠤᠷᠤᠭᠤᠯᠬᠤ︾ ᠠᠵᠢᠯᠯᠠᠭ᠎ᠠ ᠶᠢ ᠵᠢᠭᠠᠨ᠎ᠠ᠃ ︽5︾ ᠪᠣᠯ ᠺᠠᠷᠲ | ᠲᠠᠷᠬᠠᠭᠠᠨ ᠠᠰᠠᠭᠤᠳᠠᠯ ᠤᠶᠢᠯᠠᠭᠠᠬᠤ᠂ ᠡᠳᠣᠷ ᠤᠨ ᠲᠡᠮᠳᠡᠭᠯᠡᠯ ᠢᠶᠠᠷ ᠠᠰᠠᠭᠤᠳᠠᠯ ᠢ ᠵᠠᠳᠠᠯᠣᠨ ᠰᠢᠨᠵᠢᠯᠡᠬᠦ᠂ ᠲᠠᠩᠰᠠ | ᠡᠪᠬᠡᠮᠡᠯ ᠪᠠᠶᠢᠭᠤᠯᠵᠣ ᠠᠰᠠᠭᠤᠳᠠᠯ ᠢ ᠵᠤᠬᠢᠴᠠᠭᠤᠯᠤᠨ ᠲᠢᠭᠯᠡᠬᠦ᠂ ᠲᠣᠰᠬᠠᠢ ᠠᠵᠢᠯ ᠢᠶᠠᠷ ᠠᠰᠭᠤᠳᠠᠯ ᠢ | ᠰᠡᠢᠳᠪᠣᠷᠢᠯᠡᠬᠦ᠂ ᠲᠠᠩᠰᠠᠨ ᠳᠤ ᠤᠷᠤᠭᠤᠯᠵᠤ ᠠᠰᠠᠭᠤᠳᠠᠯ ᠤᠨ ᠰᠢᠢᠳᠪᠥᠷᠢᠯᠡᠭᠰᠠᠨ ᠪᠠᠶᠢᠳᠡᠯ ᠢ ᠰᠢᠯᠭᠠᠨ ᠬᠢᠨᠠᠬᠤ ᠪᠠᠷ | ᠭᠤᠣᠯ ᠠᠭᠤᠯᠭ᠎ᠠ ᠪᠠᠨ ᠪᠣᠯᠭᠠᠭᠰᠠᠨ ︽ᠲᠠᠪᠣᠨ ᠠᠷᠭ᠎ᠠ ᠪᠠᠷ ᠲᠠᠷᠠᠭᠠᠯᠠᠨ ᠠᠬᠢᠭᠤᠯᠬᠤ︾ ᠠᠷᠭ᠎ᠠ ᠬᠡᠮᠵᠢᠶ᠎ᠠ ᠶᠢ | ᠵᠢᠭᠠᠨ᠎ᠠ᠃ ︽6︾ ᠪᠤᠯ ᠰᠠᠷ᠎ᠠ ᠪᠥᠷᠢ ᠳᠤ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾ | ᠤᠨ ᠪᠠᠭ ᠢᠶᠠᠷ ᠨᠢᠬᠡ ᠤᠳᠠᠭ᠎ᠠ ᠪᠤᠯᠭᠤᠭᠠᠨ ᠥᠵᠡᠬᠦ᠂ ᠤᠯᠠᠷᠢᠯ ᠪᠥᠷᠢ ᠳᠤ ᠬᠠᠪᠰᠤᠷᠬᠤ ᠡᠳᠡᠭᠡᠳ ᠢ ᠨᠢᠬᠡ | ᠤᠳᠠᠭ᠎ᠠ ᠪᠤᠯᠭᠤᠭᠠᠨ ᠥᠵᠡᠬᠦ᠂ ᠤᠯᠠᠷᠢᠯ ᠪᠥᠷᠢ ᠳᠤ ᠤᠨᠴᠠᠭᠠᠢ ᠬᠦᠮᠦᠰ ᠢ ᠨᠢᠭᠡ ᠤᠳᠠᠭ᠎ᠠ ᠪᠤᠯᠭᠤᠭᠠᠨ ᠥᠵᠡᠬᠦ᠂ | ᠬᠠᠭᠠᠰ ᠵᠢᠯ ᠪᠦᠷᠢ ᠳᠤ ᠵᠢᠱᠢᠶᠡᠴᠢ ᠬᠥᠮᠥᠰ ᠢ ᠨᠢᠬᠡ ᠤᠳᠠᠭ᠎ᠠ ᠪᠤᠯᠭᠤᠭᠠᠨ ᠥᠵᠡᠬᠦ᠂ ᠬᠠᠭᠠᠰ ᠵᠢᠯ ᠪᠥᠷᠢ ᠳᠤ | ᠥᠢᠯᠡᠳᠪᠥᠷᠢ ᠬᠤᠳᠠᠯᠳᠤᠭᠠᠨ ᠤ ᠬᠤᠪᠢ ᠶᠢᠨ ᠡᠵᠡᠩᠨᠡᠯᠳᠠ ᠶᠢᠨ ᠡᠷᠥᠬᠡ ᠶᠢ ᠨᠢᠬᠡ ᠤᠳᠠᠭ᠎ᠠ ᠪᠤᠯᠭᠤᠭᠠᠨ ᠥᠵᠡᠬᠦ᠂ | ᠤᠯᠠᠷᠢᠯ ᠪᠥᠷᠢ ᠳᠤ ᠠᠷᠠᠳ ᠤᠨ ᠠᠮᠢᠳᠤᠷᠠᠯ ᠤᠨ ᠲᠥᠷᠥ ᠶᠢᠨ ᠪᠤᠳᠤᠯᠭ᠎ᠠ ᠶᠢᠨ ᠨᠠᠶᠢᠳᠠᠪᠣᠷᠢᠵᠢᠭᠰᠠᠨ ᠪᠠᠶᠢᠳᠠᠯ ᠢ | ᠨᠢᠭᠡ ᠤᠳᠠᠭ᠎ᠠ ᠵᠤᠬᠢᠴᠠᠭᠤᠯᠤᠨ ᠲᠢᠭᠯᠡᠬᠦ ᠪᠠᠷ ᠭᠤᠤᠯ ᠠᠭᠤᠯᠭ᠎ᠠ ᠪᠤᠯᠭᠠᠭᠰᠠᠨ ︽ᠵᠢᠷᠭᠤᠭᠠᠨ ᠨᠢᠭᠡ ᠤᠳᠠᠭ᠎ᠠ︾ ᠶᠢ | ᠵᠢᠭᠠᠨ᠎ᠠ᠃ | ⒗ ᠵᠠᠭᠤ ᠮᠢᠩᠭ᠎ᠠ ᠶᠢᠨ ᠢᠨᠵᠧᠨᠧᠷᠢᠩ᠄《 ᠮᠢᠩᠭᠠᠨ ᠨᠠᠮ ᠤᠨ ᠬᠡᠰᠢᠬᠦᠨ ᠮᠢᠩᠭᠠᠨ ᠬᠦᠮᠦᠨ ᠢ ᠬᠠᠪᠰᠤᠷᠴᠤ᠂ | ᠵᠠᠭᠤᠨ ᠨᠠᠮ ᠤᠨ ᠡᠬᠦᠷ ᠵᠠᠭᠤᠨ ᠭᠠᠵᠠᠷ ᠲᠠᠢ ᠬᠤᠯᠪᠤᠯᠳᠤᠬᠤ 》 ᠠᠵᠢᠯᠯᠠᠭ᠎ᠠ ᠶᠢ ᠵᠢᠭᠠᠵᠤ ᠪᠠᠶᠢᠨ᠎ᠠ᠃ ᠪᠦᠬᠦ | ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠮᠢᠩᠭᠠᠨ ᠳᠡᠳ᠋ ᠰᠠᠯᠠᠭᠠᠨ ᠳᠡᠰ ᠠᠴᠠ ᠳᠡᠬᠡᠭᠰᠢᠬᠢ | ᠤᠳᠤᠷᠢᠳᠤᠯᠭ᠎ᠠ᠂ ᠨᠠᠮ ᠤᠨ ᠬᠡᠰᠢᠬᠦᠨ᠂ ᠪᠡᠯᠡᠳᠬᠡᠯ ᠺᠠᠳ᠋ᠷ ᠵᠢᠴᠢ ᠨᠠᠮ ᠳᠤ ᠣᠷᠣᠬᠤ ᠢᠳᠡᠪᠬᠢᠳᠡᠳ ᠰᠠᠶᠢᠨ ᠳᠤᠷ᠎ᠠ | ᠠᠴᠠ ᠪᠠᠨ ᠮᠢᠩᠭᠠᠨ ᠬᠦᠴᠢᠷᠳᠡᠯᠳᠡᠢ ᠨᠠᠮ ᠤᠨ ᠬᠡᠰᠢᠬᠦᠨ ᠤᠯᠠᠨ ᠳᠦᠮᠡᠨ ᠢ ᠳᠡᠮᠵᠢᠨ᠎ᠡ︔ ᠪᠦᠬᠦ ᠬᠤᠰᠢᠭᠤᠨ ᠤ | ᠵᠠᠭᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠨᠢ ᠵᠠᠭᠤᠨ | ᠰᠤᠮᠤ ᠪᠠᠯᠭᠠᠰᠤ ᠭᠠᠴᠠᠭ᠎ᠠ ᠳᠤᠰᠬᠤᠨ᠂ ᠨᠡᠶᠢᠬᠡᠮ ᠳᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠲᠠᠢ | ᠬᠤᠯᠪᠤᠯᠳᠤᠨ᠂ ᠤᠷᠳᠤ ᠬᠤᠭᠤᠴᠠᠭ᠎ᠠ ᠪᠠᠷ ᠰᠤᠷᠤᠯᠴᠠᠬᠤ᠂ ᠠᠵᠢᠯᠯᠠᠭ᠎ᠠ ᠵᠤᠬᠢᠶᠠᠨ ᠪᠠᠶᠢᠭᠤᠯᠬᠤ᠂ ᠬᠠᠷᠢᠯᠴᠠᠬᠤ | ᠳᠤᠭᠳᠠᠴᠠ ᠶᠢ ᠪᠦᠷᠢᠯᠳᠦᠬᠦᠯᠬᠦ ᠶᠢ ᠵᠢᠭᠠᠵᠤ ᠪᠠᠶᠢᠨ᠎ᠠ᠃ | ⒘《 ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》 ᠢᠨᠵᠧᠨᠧᠷᠢᠩ᠄ ᠠᠶᠢᠮᠠᠭ ᠤᠨ ᠨᠠᠮ ᠤᠨ ᠬᠤᠷᠢᠶᠠᠨ ᠤ | ᠵᠤᠬᠢᠶᠠᠨ ᠪᠠᠶᠢᠭᠤᠯᠬᠤ ᠬᠡᠯᠳᠡᠰ ᠤᠨ《 ᠪᠦᠬᠦ ᠠᠶᠢᠮᠠᠭ ᠤᠨ ᠦᠨᠳᠦᠰᠦᠨ ᠱᠠᠳᠤᠨ ᠤ ᠨᠠᠮ ᠤᠨ ᠵᠤᠬᠢᠶᠠᠨ | ᠪᠠᠶᠢᠭᠤᠯᠤᠯᠳᠠ ᠳᠤ〈ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ〉ᠢᠨᠵᠧᠨᠧᠷᠢᠩ ᠢ ᠬᠡᠷᠡᠭᠵᠢᠬᠦᠯᠬᠦ | ᠲᠦᠰᠦᠯ》 ᠤᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ ᠤ ᠬᠤᠰᠢᠭᠤ ᠨᠢ ᠪᠦᠬᠦ ᠬᠤᠰᠢᠭᠤᠨ ᠤ ᠨᠠᠮ ᠤᠨ | ᠵᠤᠬᠢᠶᠠᠨ ᠪᠠᠶᠢᠭᠤᠯᠤᠯᠳᠠ ᠳᠤ《ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》ᠢᠨᠵᠧᠨᠧᠷᠢᠩ ᠢ ᠬᠡᠷᠡᠭᠵᠢᠬᠦᠯᠪᠡ᠃ | 《ᠭᠤᠷᠪᠠᠵᠢᠭᠤᠯᠬᠤ》ᠬᠡᠳᠡᠭ ᠨᠢ᠄ ᠤᠯᠠᠨ ᠲᠦᠮᠡᠨ ᠤ ᠠᠵᠢᠯ ᠢ ᠪᠠᠶᠢᠩᠭᠤ ᠶᠢᠨ ᠪᠤᠯᠭᠠᠬᠤ᠂ ᠲᠦᠷᠢᠮᠵᠢᠬᠦᠯᠬᠦ᠂ | ᠪᠦᠬᠦ ᠲᠠᠯ᠎ᠠ ᠶᠢ ᠬᠠᠮᠤᠷᠠᠭᠤᠯᠬᠤ ᠶᠢ ᠵᠢᠭᠠᠨ᠎ᠠ︔《 ᠲᠠᠪᠦ ᠶᠢ ᠬᠦᠮᠦᠵᠢᠬᠦᠯᠬᠦ》ᠭᠡᠳᠡᠭ ᠨᠢ᠄ ᠰᠤᠷᠤᠯᠴᠠᠬᠤ ᠬᠡᠯᠪᠡᠷᠢ | ᠶᠢᠨ ᠨᠠᠮ ᠤᠨ ᠵᠤᠬᠢᠶᠠᠨ ᠪᠠᠶᠢᠭᠤᠯᠤᠯᠳᠠ᠂ ᠦᠢᠯᠡᠴᠢᠯᠡᠬᠦ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ᠂ ᠰᠢᠨ᠎ᠡ | ᠶᠢ ᠡᠬᠦᠳᠬᠦ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ᠂ ᠠᠷᠢᠭᠤᠨ ᠴᠢᠬᠡᠴᠢ ᠬᠡᠯᠪᠡᠷᠢ ᠶᠢᠨ ᠨᠠᠮ ᠤᠨ | ᠵᠤᠬᠢᠶᠠᠨ ᠪᠠᠶᠢᠭᠤᠯᠤᠯᠳᠠ᠂ ᠡᠶ᠎ᠡ ᠵᠤᠬᠢᠴᠠᠩᠭᠤᠢ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢ | ᠬᠦᠮᠦᠵᠢᠬᠦᠯᠦᠨ᠎ᠡ᠃ | ⒙ ᠪᠡᠬᠡᠵᠢᠩ ᠠᠴᠠ ᠰᠢᠨᠵᠢᠶᠠᠩ ᠬᠦᠷᠬᠦ ᠲᠦᠷᠬᠡᠨ ᠵᠠᠮ᠄ ᠪᠡᠬᠡᠵᠢᠩ ᠠᠴᠠ ᠰᠢᠨᠵᠢᠶᠠᠩ ᠬᠦᠷᠬᠦ ᠲᠦᠷᠬᠡᠨ ᠵᠠᠮ ᠤᠨ | ᠯᠢᠨ ᠾᠧ ᠠᠴᠠ ᠪᠠᠢ ᠭᠧ ᠳ᠋ᠠ ᠬᠦᠷᠬᠦ ᠠᠯᠠᠱᠠ ᠠᠶᠢᠮᠠᠭ ᠤᠨ ᠬᠡᠪᠴᠢᠶᠡᠨ ᠲᠤᠳᠤᠷᠠᠬᠢ ᠪᠦᠬᠦ ᠤᠷᠳᠤ ᠨᠢ 818 | ᠺᠢᠯᠤᠮᠧᠲᠷ ᠪᠠᠶᠢᠵᠤ᠂ ᠠᠯᠠᠱᠠ ᠵᠡᠬᠦᠨ ᠬᠤᠰᠢᠭᠤᠨ ᠳᠠᠬᠢ ᠬᠡᠰᠡᠭ ᠤᠨ ᠪᠦᠬᠦ ᠤᠷᠳᠤ ᠨᠢ ᠪᠠᠷᠤᠭ 257 ᠺᠢᠯᠤᠮᠧᠲᠷ | ᠂ ᠵᠠᠮ ᠱᠤᠭᠤᠮ ᠤᠨ ᠡᠬᠢᠯᠡᠯᠳᠡ ᠨᠢ ᠪᠡᠬᠡᠵᠢᠩ ᠠᠴᠠ ᠲᠦᠪᠡᠳ ᠬᠦᠷᠬᠦ ᠲᠦᠷᠬᠡᠨ ᠵᠠᠮ ᠤᠨ ᠯᠢᠨ ᠾᠧ ᠳᠠᠬᠢ ᠵᠠᠮ | ᠤᠨ ᠠᠭᠤᠯᠵᠠᠷ ᠠᠴᠠ ᠡᠬᠢᠯᠡᠵᠦ᠂ ᠨᠢᠬᠡᠨᠳᠡ ᠵᠠᠰᠠᠵᠤ ᠲᠠᠭᠤᠰᠬᠠᠭᠰᠠᠨ ᠪᠡᠬᠡᠵᠢᠩ ᠠᠴᠠ ᠲᠦᠪᠡᠳ ᠬᠦᠷᠬᠦ ᠲᠦᠷᠭᠡᠨ | ᠵᠠᠮ ᠲᠠᠢ ᠵᠠᠯᠭᠠᠭᠤᠯᠵᠤ᠂ ᠵᠡᠬᠦᠨ ᠬᠤᠰᠢᠭᠤᠨ ᠤ ᠬᠢᠯᠢ ᠲᠤᠳᠤᠷ᠎ᠠ ᠦᠯᠵᠡᠢ᠂ ᠰᠤᠬᠤᠩᠳᠤ᠂ ᠤᠯᠠᠨᠪᠤᠯᠠᠭ ᠰᠤᠮᠤ ᠪᠠᠷ | ᠦᠩᠬᠡᠷᠡᠨ᠂ ᠲᠡᠬᠦᠰᠬᠡᠯ ᠤᠨ ᠴᠡᠭ ᠨᠢ ᠪᠠᠢ ᠭᠧ ᠳ᠋ᠠ ᠬᠦᠷᠦᠨ᠎ᠡ ︵ᠦᠪᠦᠷ ᠮᠤᠩᠭᠤᠯ ᠭᠠᠨᠰᠤ ᠶᠢᠨ ᠵᠠᠭᠠᠭ︶᠃ | ᠲᠦᠷᠬᠡᠨ ᠵᠠᠮ ᠤᠨ ᠪᠠᠷᠢᠮᠵᠢᠶ᠎ᠠ ᠪᠠᠷ ᠪᠦᠳᠦᠬᠡᠨ ᠪᠠᠶᠢᠭᠤᠯᠵᠤ᠂ ᠢᠨᠵᠧᠨᠧᠷᠢᠩ ᠤᠨ ᠪᠦᠳᠦᠬᠡᠨ ᠪᠠᠶᠢᠭᠤᠯᠬᠤ | ᠬᠤᠭᠤᠴᠠᠭ᠎ᠠ ᠨᠢ ᠭᠤᠷᠪᠠᠨ ᠵᠢᠯ᠂ 2014 ᠤᠨ ᠠᠴᠠ ᠡᠬᠢᠯᠡᠵᠦ ᠪᠠᠶᠢᠭᠤᠯᠤᠨ᠂ 2016 ᠤᠨ ᠳᠤ ᠪᠠᠶᠢᠭᠤᠯᠵᠤ | ᠲᠠᠭᠤᠰᠬᠠᠨ᠎ᠠ᠃ ᠲᠦᠰᠦᠪᠯᠡᠨ ᠪᠤᠳᠤᠭᠰᠠᠨ ᠶᠡᠷᠦᠩᠬᠡᠢ ᠪᠡᠯᠡ ᠤᠷᠤᠭᠤᠯᠤᠯᠳᠠ ᠨᠢ 292.58 ᠳ᠋ᠦᠩᠰᠢᠭᠤᠷ | ᠲᠦᠬᠦᠷᠢᠭ ᠪᠤᠯᠤᠨ᠎ᠠ᠃ | ⒚ ᠭᠠᠨ ᠲᠠᠩ ᠠᠴᠠ ᠡᠤ ᠸᠧᠢ ᠬᠦᠷᠬᠦ ᠬᠤᠶᠠᠳᠤᠭᠠᠷ ᠱᠤᠭᠤᠮ᠄ ᠭᠠᠨ ᠲᠠᠩ ᠠᠴᠠ ᠡᠤ ᠸᠧᠢ ᠨᠠᠨ ᠬᠦᠷᠬᠦ ᠲᠡᠮᠦᠷ | ᠵᠠᠮ ᠤᠨ ᠬᠤᠶᠠᠳᠤᠭᠠᠷ ᠱᠤᠭᠤᠮ ᠢ ᠨᠡᠮᠡᠨ ᠪᠠᠶᠢᠭᠤᠯᠬᠤ ᠢᠨᠵᠧᠨᠧᠷᠢᠩ᠂ ᠵᠠᠮ ᠱᠤᠭᠤᠮ ᠨᠢ ᠨᠢᠩᠰᠢᠶᠠ ᠶᠢᠨ | ᠲᠡᠷᠡᠰᠦᠨ ᠬᠤᠳᠠ ᠶᠢᠨ ᠭᠠᠨ ᠲᠠᠨ ᠪᠠᠯᠭᠠᠰᠤ ᠠᠴᠠ ᠡᠬᠢᠯᠡᠵᠦ᠂ ᠦᠪᠦᠷ ᠮᠤᠩᠭᠤᠯ ᠤᠨ ᠠᠯᠠᠱᠠ ᠵᠡᠬᠦᠨ ᠬᠤᠰᠢᠭᠤ | ︵ᠤᠨᠳᠤᠷᠤᠯᠳᠤ ᠪᠠᠯᠭᠠᠰᠤ︶᠂ ᠭᠠᠨᠰᠤ ᠶᠢᠨ ᠵᠢᠩ ᠲᠠᠢ ᠰᠢᠶᠠᠨ᠂ ᠭᠦ᠋ ᠯᠠᠩ ᠰᠢᠶᠠᠨ ᠤ ᠪᠠᠷᠠᠭᠤᠨ ᠠᠴᠠ ᠡᠤ ᠸᠧᠢ | ᠬᠤᠳᠠ ᠶᠢᠨ ᠯᠢᠶᠠᠩ ᠵᠸᠤ ᠲᠤᠭᠤᠷᠢᠭ ᠤᠨ ᠡᠤ ᠸᠧᠢ ᠨᠠᠨ ᠪᠠᠯᠭᠠᠰᠤᠨ ᠳᠤ ᠬᠦᠷᠴᠦ᠂ ᠵᠠᠮ ᠱᠤᠭᠤᠮ ᠤᠨ ᠪᠦᠬᠦ | ᠤᠷᠳᠤ ᠨᠢ 172 ᠺᠢᠯᠤᠮᠧᠲᠷ ᠪᠠᠶᠢᠵᠤ᠂ ᠮᠠᠨ ᠤ ᠬᠤᠰᠢᠭᠤᠨ ᠳᠤ ᠪᠠᠷᠤᠭ 60 ᠺᠢᠯᠤᠮᠧᠲᠷ ᠪᠠᠶᠢᠨ᠎ᠠ᠃ | | |