| ᠬᠤᠶᠠᠷ᠂ 2014 ᠤᠨ ᠤ ᠭᠤᠤᠯ ᠠᠵᠢᠯ ᠤᠨ ᠪᠠᠶᠢᠷᠢᠯᠠᠭᠤᠯᠤᠯᠳᠠ | 2014 ᠤᠨ ᠪᠤᠯ ᠨᠠᠮ ᠣᠨᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠪᠦᠬᠦ ᠲᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠦᠬᠡᠷᠡᠴᠢᠯᠡᠯᠳᠡ ᠶᠢ ᠪᠦᠬᠦ ᠳᠠᠯ᠎ᠠ ᠪᠠᠷ | ᠬᠦᠨᠵᠡᠬᠡᠶᠢᠷᠡᠬᠦᠯᠬᠦ ᠠᠩᠬᠠᠨ ᠤ ᠤᠨ᠂ ᠮᠦᠨᠴᠦ 《 ᠠᠷᠪᠠᠨ ᠬᠤᠶᠠᠳᠤᠭᠠᠷ ᠳᠠᠪᠤᠨ ᠵᠢᠯ 》 ᠤᠨ | ᠳᠦᠯᠦᠪᠵᠢᠬᠦᠯᠬᠡ ᠶᠢ ᠪᠡᠶᠡᠯᠡᠬᠦᠯᠬᠦ ᠴᠢᠬᠤᠯᠠ ᠨᠢᠬᠡ ᠵᠢᠯ᠂ ᠨᠡᠩ ᠴᠤ ᠴᠢᠨᠡᠬᠡᠯᠢᠭ ᠨᠡᠶᠢᠬᠡᠮ ᠢ ᠤᠷᠢᠳᠴᠢᠯᠠᠨ ᠪᠦᠬᠦ | ᠲᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ ᠰᠠᠭᠤᠷᠢ ᠶᠢ ᠲᠠᠯᠪᠢᠬᠤ ᠵᠠᠩᠬᠢᠯᠠᠭ᠎ᠠ ᠶᠢᠨ ᠨᠢᠬᠡ ᠵᠢᠯ ᠪᠤᠯᠤᠨ᠎ᠠ᠃ ᠲᠤᠬᠢᠶᠠᠯ | ᠬᠢᠬᠡᠳ ᠦᠷᠢᠰᠦᠯᠳᠦᠬᠡᠨ ᠵᠡᠷᠬᠡᠪᠡᠷ ᠤᠷᠤᠰᠢᠵᠤ᠂ ᠬᠦᠴᠢᠷᠳᠡᠯ ᠪᠠ ᠬᠦᠰᠡᠯ ᠡᠷᠡᠮᠡᠯᠵᠡᠯ ᠬᠠᠮᠳᠤ ᠤᠷᠤᠰᠢᠨ᠎ᠠ᠃ ᠪᠢᠳᠡ | ᠡᠷᠬᠡᠪᠰᠢ ᠪᠠᠶᠢᠳᠠᠯ ᠡᠬᠦᠷᠬᠡ ᠪᠠᠨ ᠵᠦᠪ ᠤᠨᠤᠪᠴᠢᠳᠠᠢ ᠰᠤᠳᠤᠯᠤᠨ ᠮᠠᠭᠠᠳᠯᠠᠵᠤ᠂ ᠨᠡᠩ ᠬᠦᠴᠦᠳᠡᠢ ᠠᠷᠭ᠎ᠠ ᠬᠡᠮᠵᠢᠶ᠎ᠡ | ᠠᠪᠴᠤ᠂ ᠬᠦᠴᠢᠷᠳᠡᠯ ᠪᠤᠯᠤᠨ ᠦᠷᠢᠰᠦᠯᠳᠦᠬᠡᠨ ᠢ ᠢᠳᠡᠪᠬᠢᠳᠡᠢ ᠠᠷᠭᠠᠴᠠᠭᠠᠨ᠂ ᠠᠵᠢᠯ ᠤᠨ ᠰᠠᠨᠠᠭᠠᠴᠢᠯᠠᠭᠠᠳᠤ | ᠡᠷᠬᠡ ᠶᠢ ᠴᠢᠩᠭ᠎ᠠ ᠡᠵᠡᠮᠳᠡᠵᠦ᠂ ᠢᠳᠡᠬᠡᠯ ᠵᠤᠷᠢᠭ ᠢᠶᠠᠨ ᠬᠦᠪᠴᠢᠯᠡᠨ᠂ ᠳᠤᠬᠢᠶᠠᠯ ᠢ ᠴᠢᠩᠭ᠎ᠠ ᠠᠳᠬᠤᠵᠤ᠂ | ᠨᠡᠬᠡᠬᠡᠯᠳᠡ ᠲᠠᠢ ᠪᠠᠷ ᠰᠢᠨ᠎ᠡ ᠶᠢ ᠡᠬᠦᠳᠦᠨ᠂ ᠪᠤᠳᠠᠳᠠᠢ ᠶᠢ ᠡᠷᠬᠢᠮᠯᠡᠨ ᠵᠢᠳᠬᠦᠨ ᠤᠷᠤᠭᠰᠢᠯᠠᠵᠤ᠂ ᠲᠤᠭᠳᠠᠭᠤᠨ | ᠪᠦᠬᠡᠳ ᠨᠡᠯᠢᠶᠡᠳ ᠲᠦᠷᠬᠡᠨ ᠬᠦᠭᠵᠢᠯᠳᠡ ᠶᠢ ᠴᠢᠷᠮᠠᠶᠢᠨ ᠪᠡᠶᠡᠯᠡᠬᠦᠯᠬᠦ ᠬᠡᠷᠡᠭᠳᠡᠢ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠳ᠋ᠧᠩ ᠰᠢᠶᠤᠤ ᠫᠢᠩ ᠤᠨ | ᠤᠨᠤᠯ᠂ 《 ᠭᠤᠷᠪᠠ ᠶᠢ ᠲᠦᠯᠦᠬᠡᠯᠡᠬᠦ 》 ᠴᠢᠬᠤᠯᠠ ᠦᠵᠡᠯ ᠰᠠᠨᠠᠭ᠎ᠠ ᠪᠤᠯᠤᠨ ᠰᠢᠨᠵᠢᠯᠡᠬᠦ ᠤᠬᠠᠭᠠᠨᠴᠢ | ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ | ᠠᠷᠪᠠᠨ ᠨᠠᠢᠮᠠᠳᠤᠭᠠᠷ ᠬᠤᠭᠤᠴᠠᠭᠠᠨ ᠤ ᠬᠤᠷᠪᠠᠳᠤᠭᠠᠷ ᠪᠦᠬᠦᠳᠡ ᠬᠤᠷᠠᠯ ᠪᠠ ᠰᠢ ᠶᠢᠨ ᠫᠢᠩ ᠶᠡᠷᠦᠩᠬᠡᠢ ᠱᠦᠵᠢ ᠶᠢᠨ | ᠰᠢᠷᠢᠰ ᠶᠠᠷᠢᠶ᠎ᠠ᠂ ᠤᠨᠴᠠᠭᠠᠶᠢᠯᠠᠨ ᠦᠪᠦᠷ ᠮᠤᠩᠭᠤᠯ ᠢ ᠪᠠᠶᠢᠴᠠᠭᠠᠨ ᠦᠵᠡᠬᠦ ᠬᠤᠭᠤᠴᠠᠭᠠᠨ ᠳᠠᠬᠢ ᠶᠠᠷᠢᠶᠠᠨ ᠤ ᠵᠤᠷᠢᠭ | ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠦᠪᠡᠷᠳᠡᠬᠡᠨ ᠵᠠᠰᠠᠬᠤ ᠤᠷᠤᠨ ᠤ 《 ᠬᠤᠶᠠᠷ ᠬᠤᠷᠠᠯ》᠂ | ᠠᠶᠢᠮᠠᠭ ᠤᠨ ᠨᠠᠮ ᠤᠨ ᠬᠤᠷᠢᠶᠠᠨ ᠤ ︵ᠦᠷᠭᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠵᠤ᠂ | ᠦᠪᠡᠷᠳᠡᠬᠡᠨ ᠵᠠᠰᠠᠬᠤ ᠤᠷᠤᠨ ᠤ 《8337》 ᠬᠦᠭᠵᠢᠯᠳᠡ ᠶᠢᠨ ᠰᠡᠳᠬᠢᠴᠡ ᠶᠢ ᠬᠦᠨᠵᠡᠬᠡᠢ ᠬᠡᠷᠡᠭᠵᠢᠬᠦᠯᠦᠨ᠂ | ᠲᠤᠭᠳᠠᠭᠤᠨ ᠤ ᠲᠤᠮᠳᠠ ᠴᠢᠷᠮᠠᠶᠢᠨ ᠤᠷᠤᠭᠰᠢᠯᠠᠬᠤ ᠠᠵᠢᠯ ᠤᠨ ᠶᠡᠷᠦᠩᠬᠡᠢ ᠬᠦᠭ ᠠᠶᠠᠰ ᠢ ᠲᠤᠪᠤᠶᠢᠯᠭᠠᠵᠤ᠂ ᠰᠢᠨ᠎ᠡ | ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ | ᠤᠳᠤᠬᠢᠴᠢᠯᠠᠯᠳᠠ ᠶᠢ ᠨᠢᠬᠡᠳᠦᠯᠳᠡᠢ ᠳᠦᠯᠦᠪᠵᠢᠬᠦᠯᠦᠨ ᠲᠦᠯᠬᠢᠨ ᠠᠬᠢᠭᠤᠯᠵᠤ᠂ ᠦᠬᠡᠷᠡᠴᠢᠯᠡᠯᠳᠡ ᠬᠢᠵᠦ ᠰᠢᠨ᠎ᠡ ᠶᠢ | ᠡᠬᠦᠳᠬᠦ ᠶᠢ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠡᠯ᠎ᠡ ᠬᠦᠷᠢᠶ᠎ᠡ ᠡᠯ᠎ᠡ ᠳᠠᠯ᠎ᠠ ᠳᠤ ᠨᠠᠶᠢᠳᠠᠪᠤᠷᠢᠵᠢᠭᠤᠯᠤᠨ᠂ | ᠵᠠᠬ᠎ᠠ ᠲᠡᠯᠬᠡᠬᠦᠷ ᠤᠨ ᠢᠳᠡᠪᠬᠢ ᠬᠦᠴᠦᠨ ᠢ ᠤᠷᠮᠠᠰᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠴᠢᠨᠠᠷ | ᠴᠢᠨᠰᠠᠭ᠎ᠠ ᠪᠤᠯᠤᠨ ᠦᠷ᠎ᠡ ᠪᠦᠳᠦᠮᠵᠢ ᠶᠢ ᠦᠨᠡᠨᠬᠦ ᠲᠡᠭᠡᠭᠰᠢᠯᠡᠬᠦᠯᠦᠨ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ | ᠪᠤᠯᠤᠨ ᠬᠢᠷᠢ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠠᠵᠤ ᠠᠬᠤᠢ ᠨᠡᠶᠢᠬᠡᠮ ᠤᠨ ᠦᠷᠬᠦᠯᠵᠢᠯᠡᠨ | ᠡᠷᠡᠬᠦᠯ ᠢᠶᠠᠷ ᠬᠦᠭᠵᠢᠬᠦ ᠪᠠ ᠨᠡᠶᠢᠬᠡᠮ ᠤᠨ ᠡᠶ᠎ᠡ ᠵᠤᠬᠢᠴᠠᠩᠭᠤᠢ ᠠᠮᠤᠷ ᠳᠤᠭᠳᠠᠭᠤᠨ ᠢ ᠳᠦᠯᠬᠢᠨ ᠠᠬᠢᠭᠤᠯᠤᠨ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ | ᠦᠢᠯᠡᠳᠪᠦᠷᠢᠯᠡᠯ ᠤᠨ ᠶᠡᠷᠦᠩᠭᠡᠢ ᠦᠷᠳᠡᠭ ᠢ 10% ᠪᠠᠷ ᠨᠡᠮᠡᠭᠳᠡᠬᠦᠯᠵᠤ᠂ ᠪᠦᠬᠦ ᠨᠡᠶᠢᠬᠡᠮ ᠤᠨ ᠲᠤᠭᠳᠠᠮᠠᠯ | ᠬᠦᠷᠦᠩᠬᠡ ᠶᠢᠨ ᠤᠷᠤᠭᠤᠯᠤᠯᠳᠠ ᠶᠢ 25% ᠪᠠᠷ ᠨᠡᠮᠡᠭᠳᠡᠬᠦᠯᠦᠨ᠂ ᠡᠳ᠋ ᠤᠨ ᠵᠠᠰᠠᠭ ᠤᠨ ᠤᠷᠤᠯᠭ᠎ᠠ ᠶᠢ 8% ᠪᠠᠷ | ᠨᠡᠮᠡᠭᠳᠡᠬᠦᠯᠵᠤ ︵ᠨᠡᠶᠢᠳᠡ ᠶᠢᠨ ᠡᠳ᠋ ᠤᠨ ᠵᠠᠰᠠᠭ ᠤᠨ ᠳᠦᠰᠦᠪᠯᠡᠭᠰᠡᠨ ᠤᠷᠤᠯᠭ᠎ᠠ ᠶᠢ —17.6% ᠪᠠᠷ | ᠨᠡᠮᠡᠭᠳᠡᠬᠦᠯᠦᠨ᠎ᠡ︶ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠬᠤ ᠶᠡᠷᠦᠩᠬᠡᠢ ᠳᠤᠭ᠎ᠠ ᠶᠢ 10 % ᠪᠠᠷ | ᠨᠡᠮᠡᠭᠳᠡᠬᠦᠯᠦᠨ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠵᠡᠮᠳᠡᠵᠦ ᠪᠤᠯᠬᠤ ᠤᠷᠤᠯᠭ᠎ᠠ ᠪᠠ ᠮᠠᠯᠴᠢᠨ | ᠲᠠᠷᠢᠶᠠᠴᠢᠨ ᠤ ᠬᠦᠮᠦᠨ ᠪᠦᠷᠢ ᠳᠤ ᠲᠡᠭᠰᠢᠳᠭᠡᠭᠰᠡᠨ ᠴᠡᠪᠡᠷ ᠤᠷᠤᠯᠭ᠎ᠠ ᠶᠢ 10 % ᠪᠠ 12% ᠪᠠᠷ | ᠨᠡᠮᠡᠭᠳᠡᠬᠦᠯᠦᠨ᠎ᠡ︔ ᠡᠯ᠎ᠡ ᠲᠦᠷᠦᠯ ᠤᠨ ᠬᠢᠵᠠᠭᠠᠷᠯᠠᠯ ᠤᠨ ᠴᠢᠨᠠᠷᠳᠠᠢ ᠵᠢᠭᠠᠯᠳᠠ ᠲᠤᠭ᠎ᠠ ᠶᠢ ᠲᠡᠭᠡᠷ᠎ᠡ ᠱᠠᠳᠤᠨ ᠠᠴᠠ | ᠱᠠᠭᠠᠷᠳᠠᠭᠰᠠᠨ ᠬᠡᠪᠴᠢᠶᠡᠨ ᠳᠤᠳᠤᠷ᠎ᠠ ᠬᠢᠵᠠᠭᠠᠷᠯᠠᠨ᠎ᠠ᠃ | ᠲᠡᠭᠡᠷ᠎ᠡ ᠲᠤᠷᠠᠳᠤᠭᠰᠠᠨ ᠬᠠᠷᠠᠯᠳᠠ ᠡᠬᠦᠷᠬᠡ ᠪᠠᠨ ᠪᠡᠶᠡᠯᠡᠬᠦᠯᠬᠦ ᠳᠤ᠂ ᠪᠢᠳᠡ ᠡᠷᠬᠡᠪᠰᠢ ᠲᠤᠤᠷᠠᠬᠢ ᠲᠤᠯᠤᠭᠠᠨ | ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠡᠢ᠄ | ︵ᠨᠢᠬᠡ︶ ᠪᠡᠯᠡ ᠤᠷᠤᠭᠤᠯᠤᠯᠳᠠ ᠪᠤᠯᠤᠨ ᠲᠦᠷᠦᠯ ᠵᠤᠶᠢᠯ ᠤᠨ ᠪᠦᠳᠦᠬᠡᠨ ᠪᠠᠶᠢᠭᠤᠯᠤᠯᠳᠠ ᠶᠢ ᠳᠤᠪᠤᠶᠢᠯᠭᠠᠵᠤ᠂ | ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠬᠤᠶᠢᠴᠢ ᠬᠦᠴᠦᠨ ᠢ ᠨᠡᠮᠡᠭᠳᠡᠬᠦᠯᠦᠨ᠎ᠡ᠃ | ᠪᠡᠯᠡ ᠤᠷᠤᠭᠤᠯᠤᠯᠳᠠ ᠪᠠᠷ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠵᠠᠩᠬᠢᠯᠠᠭ᠎ᠠ ᠶᠢᠨ ᠦᠢᠯᠡᠳᠦᠯ ᠢ | ᠬᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠪᠠᠷ ᠠᠵᠤ ᠦᠢᠯᠡᠰ ᠤᠨ ᠪᠦᠳᠦᠴᠡ | ᠶᠢ ᠳᠤᠬᠢᠷᠠᠭᠤᠯᠬᠤ᠂ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ᠂ ᠠᠵᠤ ᠠᠬᠤᠢ ᠨᠡᠶᠢᠬᠡᠮ ᠤᠨ ᠬᠦᠭᠵᠢᠯᠳᠡ | ᠶᠢ ᠠᠬᠢᠭᠤᠯᠬᠤ ᠴᠢᠬᠤᠯᠠ ᠠᠷᠭ᠎ᠠ ᠵᠠᠮ ᠪᠤᠯᠭᠠᠨ᠂ ᠠᠵᠤ ᠠᠬᠤᠢ ᠶᠢᠨ ᠬᠦᠭᠵᠢᠯᠳᠡ ᠶᠢᠨ ᠳᠤᠳᠤᠭᠠᠳᠤ ᠬᠦᠳᠡᠯᠬᠡᠭᠴᠢ | ᠬᠦᠴᠦᠨ ᠢ ᠦᠨᠡᠨᠬᠦ ᠴᠢᠩᠭᠠᠳᠬᠠᠨ᠎ᠠ᠃ | ᠲᠦᠷᠦᠯ ᠵᠦᠢᠯ ᠢ ᠲᠦᠯᠬᠢᠨ ᠠᠬᠢᠭᠤᠯᠬᠤ ᠠᠵᠢᠯ ᠤᠨ ᠡᠷᠴᠢᠮ ᠢᠶᠠᠨ ᠴᠢᠩᠭᠠᠳᠬᠠᠨ᠎ᠠ᠃ ᠡᠨᠡ ᠵᠢᠯ 74 | ᠭᠤᠤᠯᠳᠠᠯᠭ᠎ᠠ ᠲᠠᠢ ᠲᠦᠷᠦᠯ ᠵᠤᠶᠢᠯ ᠢ ᠲᠦᠯᠦᠪᠯᠡᠨ ᠬᠡᠷᠡᠭᠵᠢᠬᠦᠯᠵᠦ᠂ ᠨᠡᠶᠢᠳᠡ 837 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠨ᠎ᠠ᠃ ᠡᠬᠦᠨ ᠤ ᠳᠤᠳᠤᠷ᠎ᠠ ᠠᠶᠢᠮᠠᠭ ᠤᠨ ᠳᠡᠰ ᠤᠨ ᠭᠤᠤᠯᠳᠠᠯᠭ᠎ᠠ ᠲᠠᠢ ᠳᠦᠷᠦᠯ ᠵᠦᠢᠯ 39᠂ | ᠳ᠋ᠦᠩᠰᠢᠭᠤᠷ ᠳᠦᠬᠦᠷᠢᠭ ᠠᠴᠠ ᠳᠡᠬᠡᠭᠰᠢ ᠪᠡᠯᠡ ᠤᠷᠤᠭᠤᠯᠬᠤ ᠳᠦᠷᠦᠯ ᠵᠦᠢᠯ 48 ᠪᠠᠶᠢᠵᠤ᠂ 2014 ᠤᠨ ᠳᠤ | 187 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠳᠦᠯᠦᠪᠯᠡᠵᠤ ᠪᠠᠶᠢᠨ᠎ᠠ᠃ ᠪᠦᠬᠦ ᠶᠠᠪᠤᠴᠠ ᠶᠢ ᠮᠦᠷᠳᠡᠨ | ᠦᠢᠯᠡᠴᠢᠯᠡᠬᠦ᠂ ᠰᠠᠯᠠᠭ᠎ᠠ ᠮᠦᠴᠢᠷ ᠬᠤᠯᠪᠤᠯᠳᠤᠨ ᠬᠦᠳᠡᠯᠬᠦ᠂ ᠡᠬᠦᠷᠬᠡ ᠶᠢ ᠳᠤᠳᠤᠷᠬᠠᠶᠢᠯᠠᠬᠤ᠂ ᠬᠠᠷᠢᠭᠤᠴᠠᠯᠭ᠎ᠠ ᠶᠢ | ᠪᠤᠳᠠᠳᠠᠢ ᠬᠦᠮᠦᠨ ᠳᠤ ᠨᠠᠶᠢᠳᠠᠪᠤᠷᠢᠵᠢᠭᠤᠯᠬᠤ ᠳᠦᠷᠦᠯ ᠵᠦᠢᠯ ᠤᠨ ᠠᠵᠢᠯ ᠤᠨ ᠳᠤᠭᠳᠠᠴᠠ ᠶᠢ ᠪᠠᠶᠢᠭᠤᠯᠵᠤ᠂ ᠰᠢᠨ᠎ᠡ | ᠳᠦᠷᠦᠯ ᠵᠦᠢᠯ ᠤᠨ ᠠᠵᠢᠯ ᠡᠬᠢᠯᠡᠬᠦ ᠪᠠ ᠪᠠᠶᠢᠭᠤᠯᠵᠤ ᠪᠠᠶᠢᠭ᠎ᠠ ᠳᠦᠷᠦᠯ ᠵᠦᠢᠯ ᠤᠨ ᠠᠬᠢᠴᠠ ᠶᠢ ᠪᠦᠬᠦ ᠬᠦᠴᠦᠨ | ᠢᠶᠠᠷ ᠰᠠᠶᠢᠳᠤᠷ ᠠᠳᠬᠤᠨ᠂ ᠭᠤᠤᠯᠳᠠᠯᠭ᠎ᠠ ᠲᠠᠢ ᠲᠦᠷᠦᠯ ᠵᠤᠶᠢᠯ ᠤᠨ ᠤᠷᠤᠭᠰᠢᠳᠠᠢ ᠬᠡᠷᠡᠭᠵᠢᠬᠦᠯᠦᠭᠳᠡᠬᠦ ᠶᠢ | ᠪᠠᠳᠤᠯᠠᠨ᠎ᠠ᠃ ᠤᠯᠤᠰ ᠤᠨ ᠬᠤᠷᠸ᠎ᠠ ᠠᠵᠤ ᠠᠬᠤᠢ ᠶᠢᠨ ᠳᠦᠷᠦ ᠶᠢᠨ ᠪᠤᠳᠤᠯᠭ᠎ᠠ ᠶᠢᠨ ᠬᠠᠨᠳᠤᠰᠢ ᠶᠢ ᠤᠨᠤᠪᠴᠢᠳᠠᠢ | ᠠᠳᠬᠤᠵᠤ᠂ ᠪᠦᠬᠦ ᠬᠤᠰᠢᠭᠤᠨ ᠤ ᠬᠦᠭᠵᠢᠯᠳᠡ ᠶᠢᠨ ᠭᠤᠤᠯᠳᠠᠯᠭ᠎ᠠ ᠲᠠᠢ ᠬᠦᠷᠢᠶ᠎ᠡ ᠴᠡᠷ᠎ᠡ ᠪᠤᠯᠤᠨ ᠭᠤᠤᠯᠳᠠᠯᠭ᠎ᠠ | ᠲᠠᠢ ᠠᠵᠢᠯ ᠲᠦᠷᠦᠯ ᠤᠨ ᠲᠤᠭᠤᠷᠢᠨ ᠳᠤ᠂ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠡᠩ ᠤᠯᠠᠨ | ᠳᠦᠷᠦᠯ ᠵᠦᠢᠯ ᠤᠨ ᠴᠤᠬᠤᠯᠪᠤᠷᠢᠯᠠᠯ ᠪᠠ ᠪᠡᠯᠡ ᠮᠦᠩᠬᠦᠨ ᠤ ᠤᠷᠤᠭᠤᠯᠤᠯᠳᠠ ᠶᠢ ᠴᠢᠷᠮᠠᠶᠢᠨ ᠤᠯᠤᠨ᠎ᠠ᠃ | ᠲᠦᠷᠦᠯ ᠵᠤᠶᠢᠯ ᠤᠨ ᠬᠦᠮᠦᠷᠬᠡ ᠶᠢᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ | ᠲᠦᠷᠦᠯ ᠵᠤᠶᠢᠯ ᠤᠨ ᠪᠤᠯᠤᠮᠵᠢᠳᠤ ᠴᠢᠨᠠᠷ ᠤᠨ ᠰᠤᠳᠤᠯᠤᠯᠳᠠ᠂ ᠤᠷᠴᠢᠨ ᠳᠤᠭᠤᠷᠢᠨ ᠤ ᠦᠨᠡᠯᠡᠯᠳᠡ ᠵᠡᠷᠬᠡ | ᠡᠮᠦᠨᠡᠬᠢ ᠬᠤᠭᠤᠴᠠᠭᠠᠨ ᠤ ᠠᠵᠢᠯ ᠢ ᠬᠢᠨᠠᠮᠠᠭᠠᠢ ᠰᠠᠶᠢᠳᠤᠷ ᠬᠢᠵᠤ᠂ ᠳᠦᠷᠦᠯ ᠵᠦᠢᠯ ᠢ ᠮᠡᠳᠡᠬᠦᠯᠬᠦ ᠪᠠ ᠬᠡᠷᠡᠭᠵᠢᠬᠦᠯᠬᠦ | ᠳᠤ ᠰᠠᠶᠢᠨ ᠰᠠᠭᠤᠷᠢ ᠶᠢ ᠳᠠᠯᠪᠢᠨ᠎ᠠ᠃ ᠳᠦᠷᠦᠯ ᠵᠦᠢᠯ ᠳᠤ ᠵᠤᠬᠢᠴᠠᠭᠤᠯᠤᠨ ᠦᠢᠯᠡᠴᠢᠯᠡᠬᠦ ᠠᠵᠢᠯ ᠢᠶᠠᠨ | ᠴᠢᠩᠭᠠᠳᠬᠠᠵᠤ᠂ ᠲᠦᠷᠦᠯ ᠵᠦᠢᠯ ᠨᠠᠶᠢᠳᠠᠪᠤᠷᠢᠵᠢᠬᠤ ᠳᠤ ᠬᠦᠴᠢᠷ᠂ ᠠᠬᠢᠭᠤᠯᠤᠯᠳᠠ ᠨᠢ ᠤᠳᠠᠭᠠᠨ ᠵᠡᠷᠬᠡ | ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠨᠢᠬᠡ ᠪᠦᠯᠦᠭ ᠢ ᠬᠦᠮᠦᠷᠬᠡᠯᠡᠵᠦ᠂ ᠨᠢᠬᠡ ᠪᠦᠯᠦᠭ ᠢ ᠠᠵᠢᠯ ᠡᠬᠢᠯᠡᠬᠦᠯᠵᠦ | ᠂ ᠨᠢᠬᠡ ᠪᠦᠯᠦᠭ ᠢ ᠪᠠᠶᠢᠭᠤᠯᠵᠤ ᠳᠠᠭᠤᠰᠬᠠᠬᠤ ᠰᠠᠶᠢᠨ ᠰᠠᠶᠢᠬᠠᠨ ᠬᠦᠭᠵᠢᠯᠳᠡ ᠶᠢᠨ ᠳᠤᠭᠳᠠᠴᠠ ᠶᠢ | ᠪᠦᠷᠢᠯᠳᠦᠬᠦᠯᠦᠨ᠂ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠡᠷᠴᠢᠮ ᠦᠷᠬᠦᠯᠵᠢᠯᠡᠨ ᠨᠡᠯᠢᠶᠡᠳ | ᠦᠨᠳᠦᠷ ᠲᠦᠪᠰᠢᠨ ᠳᠤ ᠪᠠᠶᠢᠬᠤ ᠶᠢ ᠪᠠᠳᠤᠯᠠᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠶᠢ ᠬᠦᠴᠦ ᠳᠠᠯᠪᠢᠨ ᠠᠳᠬᠤᠨ᠎ᠠ᠃ ᠵᠦᠵᠢᠶᠠᠩ ᠮᠦᠷᠡᠨ ᠤ | ᠭᠤᠷᠪᠠᠯᠵᠢᠨ ᠬᠤᠶᠢᠭ᠂ ᠬᠦᠬᠡ ᠮᠦᠷᠡᠨ ᠤ ᠭᠤᠷᠪᠠᠯᠵᠢᠨ ᠬᠤᠶᠢᠭ᠂ ᠪᠦᠸᠧᠬᠠᠢ ᠳᠠᠩᠬᠢᠰ ᠤᠨ ᠳᠤᠭᠤᠷᠢᠨ ᠵᠡᠷᠬᠡ | ᠭᠠᠵᠠᠷ ᠣᠷᠣᠨ ᠤ ᠠᠵᠤ ᠦᠢᠯᠡᠰ ᠤᠨ ᠰᠢᠯᠵᠢᠯᠳᠡ ᠶᠢ ᠢᠳᠡᠪᠬᠢᠳᠡᠢ ᠵᠠᠯᠭᠠᠨ ᠠᠪᠴᠤ᠂ ᠳᠤᠮᠤ ᠪᠦᠯᠦᠭᠯᠡᠯ᠂ | ᠳᠤᠮᠤ ᠠᠵᠤ ᠠᠬᠤᠶᠢᠯᠠᠯ ᠤᠨ ᠬᠦᠭᠵᠢᠯᠳᠡ ᠶᠢᠨ ᠳᠦᠯᠦᠪᠵᠢᠬᠦᠯᠬᠡ ᠶᠢ ᠰᠠᠶᠢᠳᠤᠷ ᠠᠩᠬᠠᠷᠴᠤ᠂ ᠤᠳᠤᠬᠢᠴᠢᠯᠠᠭᠰᠠᠨ | ᠨᠡᠬᠦᠷᠡᠰᠤ ᠬᠢᠮᠢ ᠶᠢᠨ ᠠᠵᠤ ᠦᠢᠯᠡᠳᠪᠦᠷᠢ᠂ ᠴᠡᠪᠡᠷ ᠡᠨᠧᠷᠬᠢ᠂ ᠤᠳᠤᠬᠢᠴᠢᠯᠠᠭᠰᠠᠨ ᠳᠤᠨᠤᠭᠯᠠᠯ ᠦᠢᠯᠡᠳᠬᠦ᠂ ᠮᠠᠯ | ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠨᠠᠷᠢᠯᠢᠭ ᠪᠤᠯᠪᠠᠰᠤᠷᠠᠭᠤᠯᠬᠤ᠂ ᠰᠤᠶᠤᠯ ᠵᠢᠭᠤᠯᠴᠢᠯᠠᠯ᠂ | ᠪᠣᠳᠠᠰ ᠤᠨ ᠬᠦᠢᠯᠬᠡᠬᠡ ᠵᠡᠷᠬᠡ ᠠᠵᠤ ᠦᠢᠯᠡᠰ ᠤᠨ ᠳᠤᠭᠤᠷᠢᠨ ᠳᠤ ᠠᠷᠠᠯᠵᠢᠶᠠᠴᠢᠨ ᠤᠷᠢᠬᠤ ᠠᠵᠢᠯ ᠢ | ᠦᠷᠨᠢᠬᠦᠯᠦᠨ᠎ᠡ᠃ ᠬᠡᠯᠬᠢᠶ᠎ᠡ ᠶᠢ ᠤᠷᠳᠤᠳᠬᠠᠬᠤ᠂ ᠬᠡᠯᠬᠢᠶ᠎ᠡ ᠶᠢ ᠨᠦᠬᠦᠪᠦᠷᠢᠯᠡᠬᠦ ᠬᠤᠯᠪᠤᠭᠳᠠᠨ ᠳᠦᠬᠦᠷᠵᠢᠬᠦ ᠳᠦᠷᠦᠯ | ᠵᠦᠢᠯ ᠢ ᠬᠦᠴᠦ ᠳᠠᠯᠪᠢᠨ ᠤᠷᠢᠨ ᠤᠷᠤᠭᠤᠯᠵᠤ᠂ ᠠᠵᠤ ᠦᠢᠯᠡᠰ ᠤᠨ ᠬᠡᠯᠬᠢᠶᠡᠵᠢᠯ ᠢ ᠤᠷᠳᠤᠳᠬᠠᠵᠤ᠂ | ᠡᠷᠬᠢᠯᠳᠡᠳᠤ ᠠᠵᠤ ᠠᠬᠤᠢ ᠶᠢ ᠬᠦᠭᠵᠢᠬᠦᠯᠦᠨ᠂ ᠠᠵᠤ ᠦᠢᠯᠡᠰ ᠤᠨ ᠪᠦᠳᠦᠴᠡ ᠶᠢᠨ ᠰᠢᠯᠢᠳᠡᠭᠵᠢᠨ ᠳᠡᠰ ᠳᠡᠪᠰᠢᠬᠦ | ᠶᠢ ᠠᠬᠢᠭᠤᠯᠤᠨ᠎ᠠ᠃ ᠨᠡᠶᠢᠬᠡᠮ ᠤᠨ ᠪᠡᠯᠡ ᠮᠦᠩᠬᠦ ᠭᠤᠷᠪᠠᠳᠤᠭᠠᠷ ᠠᠵᠤ ᠦᠢᠯᠡᠰ ᠤᠨ ᠦᠢᠯᠡᠴᠢᠯᠡᠭᠡ ᠶᠢ | ᠬᠦᠭᠵᠢᠬᠦᠯᠬᠦ᠂ ᠨᠡᠶᠢᠳᠡ ᠶᠢᠨ ᠠᠰᠢᠭᠳᠤ ᠴᠢᠨᠠᠷᠳᠠᠢ ᠪᠠ ᠨᠡᠶᠢᠳᠡ ᠶᠢᠨ ᠰᠠᠭᠤᠷᠢ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠳᠤ ᠤᠷᠤᠯᠴᠠᠬᠤ ᠶᠢ ᠵᠤᠷᠢᠭᠵᠢᠭᠤᠯᠤᠨ ᠳᠡᠮᠵᠢᠵᠤ᠂ ᠨᠡᠩ ᠶᠡᠭᠡ ᠪᠡᠯᠡ ᠮᠦᠩᠬᠦ᠂ ᠲᠧᠭᠨᠢᠭ ᠮᠡᠷᠬᠡᠵᠢᠯ᠂ | ᠳᠦᠷᠦᠯ ᠵᠦᠢᠯ᠂ ᠴᠢᠳᠠᠪᠤᠷᠢᠳᠠᠨ᠂ ᠬᠠᠮᠢᠶᠠᠷᠤᠯᠳᠠ ᠵᠡᠷᠬᠡ ᠦᠢᠯᠡᠳᠪᠦᠷᠢᠯᠡᠯ ᠤᠨ ᠡᠯᠧᠮᠧᠨ᠋ᠲ ᠢ ᠮᠠᠨ ᠤ ᠬᠤᠰᠢᠭᠤᠨ | ᠳᠤ ᠳᠠᠳᠠᠨ ᠤᠷᠤᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠣᠷᠣᠭᠤᠯᠣᠭᠰᠠᠨ ᠳᠦᠷᠦᠯ ᠵᠦᠢᠯ ᠳᠤ ᠮᠦᠷᠳᠡᠨ | ᠦᠢᠯᠡᠴᠢᠯᠡᠬᠦ ᠪᠠᠨ ᠴᠢᠩᠭᠠᠳᠬᠠᠨ᠂《 ᠠᠷᠠᠯᠵᠢᠶᠠᠴᠢᠨ ᠢ ᠳᠤᠳᠤᠨᠤᠴᠢᠯᠠᠬᠤ᠂ ᠠᠷᠠᠯᠵᠢᠶᠠᠴᠢᠨ ᠢ ᠠᠮᠤᠷᠵᠢᠭᠤᠯᠬᠤ᠂ | ᠠᠷᠠᠯᠵᠢᠶᠠᠴᠢᠨ ᠢ ᠪᠠᠶᠠᠵᠢᠭᠤᠯᠬᠤ》ᠰᠠᠶᠢᠨ ᠤᠷᠴᠢᠨ ᠢ ᠪᠦᠷᠢᠯᠳᠤᠭᠦᠯᠵᠤ᠂ ᠠᠷᠠᠯᠵᠢᠶᠠᠴᠢᠨ ᠤᠷᠢᠵᠤ ᠪᠡᠯᠡ | ᠤᠷᠤᠭᠤᠯᠬᠤ ᠰᠢᠨ᠎ᠡ ᠰᠢᠪᠳᠤᠯᠤᠯᠳᠠ ᠪᠠ ᠳᠤᠭᠳᠠᠮᠠᠯ ᠬᠦᠷᠦᠩᠬᠡ ᠶᠢᠨ ᠪᠡᠯᠡ ᠣᠷᠣᠭᠤᠯᠬᠤ ᠰᠢᠨ᠎ᠡ ᠳᠠᠪᠠᠯᠳᠠ ᠶᠢ | ᠪᠡᠶᠡᠯᠡᠬᠦᠯᠦᠨ᠎ᠡ᠃ | ᠪᠡᠯᠡ ᠮᠦᠩᠬᠦ ᠤᠷᠤᠭᠤᠯᠬᠤ ᠬᠤᠷᠠᠮᠳᠤᠭᠤᠯᠬᠤ ᠠᠷᠭ᠎ᠠ ᠵᠠᠮ ᠢᠶᠠᠨ ᠴᠢᠷᠮᠠᠶᠢᠨ ᠦᠷᠬᠡᠳᠬᠡᠨ᠎ᠡ᠃ ᠪᠠᠩᠬᠢ ᠪᠠ ᠤᠷᠤᠨ | ᠨᠤᠳᠤᠭ᠂ ᠪᠠᠩᠬᠢ ᠪᠠ ᠠᠵᠤ ᠠᠬᠤᠶᠢᠯᠠᠯ ᠬᠠᠮᠳᠤᠷᠠᠨ ᠠᠵᠢᠯᠯᠠᠬᠤ ᠶᠢ ᠬᠦᠨᠵᠡᠬᠡᠶᠢᠷᠡᠬᠦᠯᠵᠤ᠂ ᠡᠯ᠎ᠡ ᠬᠤᠳᠠᠯᠳᠤᠭᠠᠨ ᠤ | ᠪᠠᠩᠬᠢ ᠳᠤᠰ ᠳᠤᠰ ᠤᠨ ᠳᠠᠪᠠᠭᠤᠯᠢᠭ ᠢᠶᠠᠨ ᠪᠠᠳᠠᠷᠠᠭᠤᠯᠬᠤ ᠶᠢ ᠵᠤᠷᠢᠭᠵᠢᠭᠤᠯᠤᠨ ᠤᠷᠮᠠᠰᠢᠭᠤᠯᠵᠤ᠂ ᠮᠠᠨ ᠤ | ᠬᠤᠰᠢᠭᠤᠨ ᠤ ᠭᠤᠤᠯᠳᠠᠯᠭ᠎ᠠ ᠲᠠᠢ ᠠᠵᠢᠯ ᠳᠦᠷᠦᠯ᠂ ᠠᠵᠤ ᠠᠬᠤᠶᠢᠯᠠᠯ ᠤᠨ ᠵᠢᠬᠡᠯᠡᠯᠬᠡ ᠶᠢᠨ ᠬᠡᠪᠴᠢᠶ᠎ᠡ ᠶᠢ | ᠦᠷᠬᠡᠳᠬᠡᠨ᠎ᠡ᠃ ᠢᠳᠡᠬᠡᠮᠵᠢᠳᠤ ᠵᠢᠬᠡᠯᠡᠯᠬᠡ ᠶᠢᠨ ᠪᠠᠳᠤᠯᠠᠭᠠᠨ ᠤ ᠳᠠᠪᠴᠠᠩ ᠢ ᠳᠡᠬᠦᠯᠳᠡᠷᠵᠢᠬᠦᠯᠬᠦ ᠪᠠ | ᠳᠦᠷᠢᠮᠵᠢᠬᠦᠯᠵᠤ᠂ ᠤᠯᠤᠰ ᠤᠨ ᠡᠵᠡᠩᠨᠡᠯᠳᠡ ᠶᠢᠨ ᠴᠢᠨᠠᠷᠳᠠᠢ ᠬᠦᠷᠦᠩᠬᠡ ᠶᠢ ᠨᠢᠬᠡᠳᠬᠡᠵᠤ᠂ ᠤᠯᠤᠰ ᠤᠨ | ᠦᠮᠴᠢᠯᠡᠯᠳᠤ ᠡᠳ᠋ ᠬᠦᠷᠦᠩᠬᠡ ᠶᠢᠨ ᠠᠵᠤ ᠠᠬᠤᠶᠢᠯᠠᠯ ᠤᠨ ᠪᠦᠯᠦᠭᠯᠡᠯ ᠢ ᠵᠤᠬᠢᠶᠠᠨ ᠪᠠᠶᠢᠭᠤᠯᠵᠤ᠂ ᠳᠦᠷᠢᠮᠵᠢᠭᠰᠡᠨ | ᠪᠡᠯᠡ ᠮᠦᠩᠬᠦ ᠬᠤᠷᠠᠮᠳᠤᠭᠤᠯᠬᠤ ᠳᠤᠭᠳᠠᠯᠴᠠᠭ᠎ᠠ ᠶᠢ ᠪᠠᠶᠢᠭᠤᠯᠤᠨ᠂ ᠬᠦᠷᠦᠩᠬᠡ ᠶᠢᠨ ᠡᠵᠡᠩᠨᠡᠯᠳᠡ ᠶᠢᠨ ᠦᠷ᠎ᠡ | ᠠᠰᠢᠭ ᠢ ᠳᠡᠬᠡᠭᠰᠢᠯᠡᠬᠦᠯᠦᠨ᠂ ᠳᠦᠷᠦᠯ ᠵᠦᠢᠯ ᠤᠨ ᠪᠡᠯᠡ ᠮᠦᠩᠬᠦ ᠬᠤᠷᠠᠮᠳᠤᠭᠤᠯᠬᠤ ᠴᠢᠳᠠᠪᠬᠢ ᠶᠢ | ᠴᠢᠩᠭᠠᠷᠠᠭᠤᠯᠤᠨ᠎ᠠ᠃《 ᠵᠠᠰᠠᠭ ᠤᠨ ᠤᠷᠳᠤᠨ ᠵᠢᠯᠤᠭᠤᠳᠴᠤ᠂ ᠪᠠᠩᠬᠢ ᠳᠡᠮᠵᠢᠨ᠂ ᠪᠠᠳᠤᠯᠠᠨ ᠳᠠᠭᠠᠭᠠᠭᠴᠢ ᠪᠠ | ᠠᠵᠤ ᠠᠬᠤᠶᠢᠯᠠᠯ ᠤᠷᠤᠯᠴᠠᠭᠰᠠᠨ》ᠪᠡᠯᠡ ᠮᠦᠩᠬᠦ ᠬᠤᠷᠠᠮᠳᠤᠭᠤᠯᠬᠤ ᠠᠵᠢᠯ ᠤᠨ ᠳᠤᠭᠳᠠᠴᠠ ᠶᠢ ᠪᠠᠶᠢᠭᠤᠯᠵᠤ᠂ | ᠬᠤᠰᠢᠭᠤᠨ ᠤ ᠢᠳᠡᠬᠡᠮᠵᠢᠳᠤ ᠪᠠᠳᠤᠯᠠᠭᠠᠨ ᠤ ᠳᠦᠪ ᠤᠨ ᠬᠦᠷᠦᠩᠬᠡ ᠮᠦᠩᠬᠦᠨ ᠤ ᠬᠡᠪᠴᠢᠶ᠎ᠡ ᠶᠢ ᠦᠷᠬᠡᠳᠬᠡᠨ᠂ | ᠤᠯᠠᠨ ᠳᠠᠪᠬᠤᠷᠭᠠᠳᠤ ᠮᠦᠩᠬᠦᠨ ᠬᠦᠢᠯᠬᠡᠬᠡᠨ ᠤ ᠦᠢᠯᠡᠴᠢᠯᠡᠬᠡᠨ ᠤ ᠳᠤᠭᠳᠠᠯᠴᠠᠭ᠎ᠠ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠪᠠᠨ ᠦᠨᠡᠨᠬᠦ ᠴᠢᠩᠭᠠᠳᠬᠠᠨ᠎ᠠ᠃ ᠦᠪᠡᠷᠳᠡᠬᠡᠨ ᠵᠠᠰᠠᠬᠤ | ᠤᠷᠤᠨ ᠤ ᠠᠶᠢᠮᠠᠭ ᠬᠤᠳᠠ ᠠᠯᠤᠰᠯᠠᠨ ᠤᠰᠤᠨ ᠤ ᠡᠷᠬᠡ ᠰᠤᠯᠢᠬᠤ ᠬᠦᠢᠴᠡᠳᠬᠡᠯ ᠳᠤᠭ᠎ᠠ ᠶᠢ ᠴᠢᠷᠮᠠᠶᠢᠨ ᠤᠯᠵᠤ᠂ | ᠳᠠᠷᠡᠰᠤᠨ ᠬᠤᠳᠠ ᠯᠤᠭ᠎ᠠ ᠶᠢᠨ ᠤᠰᠤ ᠨᠡᠬᠦᠷᠡᠰᠦᠨ ᠤ ᠬᠠᠮᠳᠤᠷᠠᠯᠴᠠᠭ᠎ᠠ ᠶᠢ ᠳᠦᠯᠬᠢᠨ ᠠᠬᠢᠭᠤᠯᠵᠤ᠂ ᠳᠡᠭᠷᠢ ᠶᠢᠨ | ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠳᠤ ᠬᠠᠳᠤᠨ ᠭᠤᠤᠯ ᠤᠨ ᠤᠰᠤ ᠬᠠᠩᠭᠠᠬᠤ | ᠢᠨᠵᠧᠨᠧᠷᠢᠩ ᠤᠨ ᠡᠯ᠎ᠡ ᠳᠦᠷᠦᠯ ᠤᠨ ᠪᠡᠯᠡᠳᠬᠡᠯ ᠠᠵᠢᠯ ᠢ ᠰᠠᠶᠢᠳᠤᠷ ᠬᠢᠵᠤ᠂ ᠡᠷᠳᠡᠬᠡᠨ ᠡᠬᠢᠯᠡᠵᠤ ᠪᠠᠶᠢᠭᠤᠯᠬᠤ | ᠪᠠᠷ ᠴᠢᠷᠮᠠᠶᠢᠨ᠂ ᠤᠰᠤᠨ ᠤ ᠡᠬᠢ ᠰᠤᠷᠪᠤᠯᠵᠢ ᠶᠢ ᠦᠷᠬᠦᠯᠵᠢᠯᠡᠨ ᠠᠰᠢᠭᠯᠠᠬᠤ ᠶᠢ ᠳᠦᠯᠬᠢᠨ ᠠᠬᠢᠭᠤᠯᠤᠨ᠎ᠠ᠃ | ᠪᠠᠶᠠᠨᠮᠤᠳᠤ ᠶᠢᠨ 220 ᠺᠢᠯᠤᠸᠣᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠢᠨᠵᠧᠨᠧᠷᠢᠩ ᠪᠠ | ᠬᠤᠶᠠᠷᠬᠤᠳᠳᠤᠭ᠂ ᠤᠩᠭᠤᠴᠠᠳᠠᠢ ᠶᠢᠨ 110 ᠺᠢᠯᠦᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ | ᠦᠷᠳᠡᠭᠡ ᠶᠢ ᠦᠷᠬᠡᠳᠬᠡᠨ ᠪᠠᠶᠢᠭᠤᠯᠬᠤ ᠢᠨᠵᠧᠨᠧᠷᠢᠩ ᠢ ᠬᠡᠷᠡᠭᠵᠢᠬᠦᠯᠵᠤ᠂ ᠠᠯᠠᠱᠠ ᠵᠡᠬᠦᠨ ᠬᠤᠰᠢᠭᠤᠨ ᠤ | ᠴᠠᠬᠢᠯᠭᠠᠨ ᠬᠦᠴᠦᠨ ᠤ ᠬᠤᠶᠠᠳᠤᠭᠠᠷ ᠨᠡᠪᠳᠡᠷᠡᠯᠬᠡ ᠪᠤᠯᠬᠤ ᠡᠾᠧᠪᠸᠢ — ᠪᠠᠶᠠᠨᠮᠤᠳᠤ — ᠪᠠᠶᠠᠨᠨᠢᠷᠤᠭᠤᠨ ᠤ 500 | ᠺᠢᠯᠤᠸᠤᠯᠲ ᠤᠨ ᠬᠦᠴᠦᠳᠡᠯ ᠦᠬᠡᠷᠡᠴᠢᠯᠡᠵᠤ ᠴᠠᠬᠢᠯᠭᠠᠨ ᠬᠦᠷᠬᠡᠬᠦ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠰᠠᠶᠢᠳᠤᠷ ᠬᠢᠵᠤ᠂ ᠮᠠᠨ ᠤ ᠬᠤᠰᠢᠭᠤᠨ ᠤ ᠴᠠᠬᠢᠯᠭᠠᠨ ᠬᠦᠴᠦᠨ ᠤ ᠪᠠᠳᠤᠯᠠᠭ᠎ᠠ ᠪᠠ ᠢᠷᠡᠬᠡᠳᠤᠢ ᠳᠤ | ᠴᠡᠪᠡᠷ ᠡᠨᠧᠷᠬᠢ ᠢ ᠶᠡᠬᠡᠪᠡᠷ ᠬᠦᠭᠵᠢᠬᠦᠯᠬᠦ ᠳᠤ ᠪᠠᠳᠤ ᠪᠠᠬᠢ ᠰᠠᠭᠤᠷᠢ ᠶᠢ ᠳᠠᠯᠪᠢᠨ᠎ᠠ᠃ ᠠᠯᠠᠱᠠ ᠵᠡᠬᠦᠨ ᠬᠤᠰᠢᠭᠤᠨ | ᠤ ᠠᠵᠢᠯ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠳᠡᠰ ᠳᠡᠪᠰᠢᠬᠦᠯᠵᠤ ᠰᠠᠯᠠᠭ᠎ᠠ ᠱᠤᠭᠤᠮ ᠤᠨ ᠨᠢᠰᠬᠡᠯ ᠤᠨ | ᠪᠠᠭᠤᠳᠠᠯ ᠪᠤᠯᠭᠠᠬᠤ ᠪᠠᠷ ᠮᠡᠳᠡᠬᠦᠯᠬᠦ ᠠᠵᠢᠯ ᠢ ᠡᠬᠢᠯᠡᠬᠦᠯᠦᠨ᠎ᠡ᠃ ᠦᠯᠵᠡᠢ ᠪᠤᠭᠤᠮᠳᠠ ᠠᠴᠠ ᠨᠢᠩᠰᠢᠶᠠ ᠶᠢᠨ | ᠳᠡᠷᠡᠰᠦᠨ ᠬᠦᠷᠬᠦ᠂ ᠪᠠᠷᠠᠭᠤᠨ ᠢᠩᠬᠡᠨ ᠠᠴᠠ ᠨᠢᠩᠰᠢᠶᠠ ᠶᠢᠨ ᠱᠢ ᠽᠦᠢ ᠱᠠᠨ ᠬᠦᠷᠬᠦ ᠵᠡᠷᠬᠡ 12 ᠵᠤᠷᠪᠤᠰ | 2321 ᠺᠢᠯᠤᠮᠧᠲᠷ ᠵᠠᠮ ᠢ ᠦᠪᠡᠷᠳᠡᠬᠡᠨ ᠵᠠᠰᠠᠬᠤ ᠤᠷᠤᠨ ᠤ ᠮᠤᠵᠢ ᠶᠢᠨ ᠵᠠᠮ ᠤᠨ ᠳᠤᠤᠷᠵᠢᠯ ᠤᠨ | ᠳᠦᠯᠦᠪᠵᠢᠬᠦᠯᠬᠡ ᠳᠤ ᠤᠷᠤᠭᠤᠯᠬᠤ ᠳᠤᠬᠢᠶᠠᠯ ᠢ ᠠᠳᠬᠤᠨ᠂ ᠳᠡᠰ ᠳᠡᠪᠰᠢᠬᠦᠯᠬᠦ ᠦᠬᠡᠷᠡᠴᠢᠯᠡᠯᠳᠡ ᠶᠢᠨ ᠡᠯ᠎ᠡ | ᠵᠦᠢᠯ ᠤᠨ ᠪᠡᠯᠡᠳᠬᠡᠯ ᠠᠵᠢᠯ ᠢ ᠢᠳᠡᠪᠬᠢᠳᠡᠢ ᠰᠠᠶᠢᠳᠤᠷ ᠬᠢᠨ᠎ᠡ᠃ ᠵᠠᠩ ᠵᠢᠶᠠ ᠹᠠᠩ ᠠᠴᠠ ᠴᠠᠬᠠᠷ ᠬᠦᠷᠬᠦ ᠳᠦᠷᠬᠡᠨ | ᠵᠠᠮ᠂ ᠪᠠᠶᠠᠨᠨᠢᠷᠤᠭᠤᠨ ᠠᠴᠠ ᠰᠤᠬᠠᠶᠢᠳᠤ ᠬᠦᠷᠬᠦ ᠨᠢᠬᠡᠳᠦᠬᠡᠷ ᠳᠡᠰ ᠤᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ | ᠶᠢᠨ ᠠᠬᠢᠴᠠ ᠶᠢ ᠳᠦᠷᠬᠡᠳᠬᠡᠵᠤ᠂ ᠰᠢᠨ᠎ᠡ ᠪᠠᠷ 76 ᠺᠢᠯᠤᠮᠧᠲᠷ ᠤᠨ ᠬᠦᠳᠡᠭᠡ ᠳᠤᠰᠬᠤᠨ ᠮᠠᠯᠵᠢᠬᠤ ᠤᠷᠤᠨ ᠤ | ᠵᠠᠰᠠᠮᠠᠯ ᠵᠠᠮ ᠢ ᠵᠠᠰᠠᠵᠤ᠂ ᠪᠡᠬᠡᠵᠢᠩ ᠠᠴᠠ ᠰᠢᠨᠵᠢᠶᠡᠩ ᠬᠦᠷᠬᠦ ᠳᠦᠷᠬᠡᠨ ᠵᠠᠮ ︵ᠠᠯᠠᠱᠠ ᠵᠡᠬᠦᠨ ᠬᠤᠰᠢᠭᠤᠨ ᠳᠠᠬᠢ | ᠬᠡᠰᠡᠭ︶ ᠵᠢᠴᠢ ᠬᠤᠶᠠᠷ ᠵᠤᠷᠪᠤᠰ ᠬᠤᠯᠪᠤᠬᠤ ᠱᠤᠭᠤᠮ᠂ ᠭᠠᠨ ᠳᠠᠩ — ᠡᠤ ᠸᠧᠢ ᠬᠦᠷᠬᠦ ᠳᠡᠮᠦᠷ ᠵᠠᠮ ᠤᠨ | ᠬᠤᠶᠠᠳᠤᠭᠠᠷ ᠱᠤᠭᠤᠮ ᠤᠨ ᠠᠯᠠᠱᠠ ᠵᠡᠬᠦᠨ ᠬᠤᠰᠢᠭᠤᠨ ᠳᠠᠬᠢ ᠬᠡᠰᠡᠭ ᠢ ᠡᠬᠢᠯᠡᠨ ᠪᠠᠶᠢᠭᠤᠯᠬᠤ ᠶᠢ ᠪᠦᠬᠦ ᠬᠦᠴᠦᠨ | ᠢᠶᠠᠷ ᠪᠠᠳᠤᠯᠠᠨ᠂ ᠴᠠᠭᠠᠨ ᠳᠡᠷᠡᠰᠤ — ᠵᠢᠷᠠᠳᠠᠢ ᠬᠦᠷᠬᠦ ᠳᠡᠮᠦᠷ ᠵᠠᠮ᠂ ᠪᠠᠶᠠᠨᠬᠤᠳᠠ — ᠡᠷᠬᠡ ᠬᠠᠰᠬᠠ — ᠮᠢᠨ | ᠴᠢᠩ ᠰᠢᠶᠠᠨ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠪᠠᠨ ᠡᠬᠢᠯᠡᠬᠦᠯᠦᠨ᠎ᠡ᠃ ᠤᠯᠠᠭᠠᠨ ᠤᠪᠤᠭ᠎ᠠ — | ᠳᠡᠷᠡᠰᠤᠨ ᠬᠦᠷᠬᠦ ᠳᠡᠮᠦᠷ ᠵᠠᠮ᠂ ᠤᠯᠠᠭᠠᠨ ᠤᠪᠤᠭ᠎ᠠ — ᠴᠢᠩ ᠲᠦᠩ ᠰᠢᠶᠠ ᠬᠦᠷᠬᠦ ᠳᠡᠮᠦᠷ ᠵᠠᠮ᠂ ᠦᠯᠵᠡᠢ — | ᠪᠠᠶᠠᠨᠬᠤᠳᠠ — ᠳᠡᠷᠡᠰᠤᠨ ᠬᠦᠷᠬᠦ ᠳᠡᠮᠦᠷ ᠵᠠᠮ᠂ ᠳᠤᠯᠢ — ᠳᠡᠷᠡᠰᠤᠨ ᠬᠦᠷᠬᠦ ᠵᠠᠰᠠᠮᠠᠯ ᠵᠠᠮ ᠪᠠ ᠢᠷᠭᠠᠢ — | ᠳᠡᠷᠡᠰᠦᠨ ᠬᠦᠷᠬᠦ ᠳᠦᠷᠬᠡᠨ ᠵᠠᠮ ᠤᠨ ᠬᠤᠯᠪᠤᠬᠤ ᠱᠤᠭᠤᠮ᠂ ᠳᠡᠭᠷᠢ — ᠤᠨᠳᠤᠷᠤᠯᠳᠤ ᠬᠦᠷᠬᠦ ᠵᠠᠰᠠᠮᠠᠯ ᠵᠠᠮ ᠤᠨ | ᠬᠤᠯᠪᠤᠬᠤ ᠱᠤᠭᠤᠮ ᠵᠡᠷᠬᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠰᠠᠶᠢᠳᠤᠷ | ᠬᠢᠵᠤ᠂ ᠪᠤᠳᠠᠳᠠᠢ ᠰᠢᠪᠳᠤᠯᠤᠯᠳᠠ ᠭᠠᠷᠭᠠᠬᠤ ᠪᠠᠷ ᠴᠢᠷᠮᠠᠶᠢᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠠᠬᠢᠴᠠ ᠶᠢ ᠳᠦᠷᠬᠡᠳᠬᠡᠨ᠂ ᠬᠦᠭᠵᠢᠯᠳᠡ ᠶᠢᠨ | ᠬᠡᠯᠪᠡᠷᠢ ᠪᠠᠨ ᠬᠦᠴᠦ ᠳᠠᠯᠪᠢᠨ ᠬᠤᠪᠢᠷᠠᠭᠤᠯᠤᠨ᠎ᠠ᠃ | ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢ ᠳᠦᠯᠬᠢᠨ ᠠᠬᠢᠭᠤᠯᠬᠤ ᠶᠢ ᠢᠮᠠᠭᠳᠠ ᠭᠤᠤᠯ ᠴᠢᠷᠮᠠᠶᠢᠬᠤ | ᠬᠠᠷᠠᠯᠳᠠ ᠪᠠᠨ ᠪᠤᠯᠭᠠᠵᠤ᠂ ᠤᠳᠤᠬᠢᠴᠢᠯᠠᠭᠰᠠᠨ ᠨᠡᠬᠦᠷᠡᠰᠤ ᠬᠢᠮᠢ᠂ ᠴᠡᠪᠡᠷ ᠡᠨᠧᠷᠬᠢ᠂ ᠦᠩᠬᠡᠳᠤ ᠳᠡᠮᠦᠷᠯᠢᠭ ᠢ | ᠦᠢᠯᠡᠳᠪᠦᠷᠢᠯᠡᠵᠤ ᠡᠳ᠋ᠰᠢᠬᠦᠯᠬᠦ᠂ ᠤᠳᠤᠬᠢᠴᠢᠯᠠᠭᠰᠠᠨ ᠳᠤᠨᠤᠭᠯᠠᠯ ᠦᠢᠯᠡᠳᠬᠦ ᠵᠡᠷᠬᠡ ᠰᠢᠨ᠎ᠡ ᠬᠡᠯᠪᠡᠷᠢ ᠶᠢᠨ ᠠᠵᠤ | ᠦᠢᠯᠡᠰ ᠤᠨ ᠬᠦᠭᠵᠢᠯᠳᠡ ᠶᠢ ᠳᠦᠷᠬᠡᠳᠬᠡᠵᠤ᠂《 ᠤᠯᠠᠨ ᠡᠰᠢᠵᠢᠨ ᠬᠦᠭᠵᠢᠵᠤ᠂ ᠤᠯᠠᠨ ᠳᠤᠶᠢᠯ ᠢᠶᠠᠷ | ᠳᠤᠯᠭᠠᠭᠤᠷᠢᠯᠠᠭᠰᠠᠨ》ᠠᠵᠤ ᠦᠢᠯᠡᠳᠪᠦᠷᠢ ᠶᠢᠨ ᠬᠦᠭᠵᠢᠯᠳᠡ ᠶᠢᠨ ᠪᠠᠶᠢᠷᠢᠰᠢᠭᠤᠯᠤᠯᠳᠠ ᠶᠢ ᠢᠳᠡᠪᠬᠢᠳᠡᠢ | ᠪᠦᠷᠢᠯᠳᠦᠬᠦᠯᠵᠤ᠂ ᠠᠵᠤ ᠦᠢᠯᠡᠰ ᠤᠨ ᠶᠡᠷᠦᠩᠬᠡᠶᠢᠯᠡᠭᠰᠡᠨ ᠦᠷᠢᠰᠦᠯᠳᠦᠬᠡᠨ ᠤ ᠬᠦᠴᠦᠨ ᠢ ᠴᠢᠷᠮᠠᠶᠢᠨ | ᠳᠡᠬᠡᠭᠰᠢᠯᠡᠬᠦᠯᠦᠨ᠎ᠡ᠃ | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠳᠦᠷᠦᠯ ᠵᠦᠢᠯ ᠢ ᠬᠦᠴᠦ ᠳᠠᠯᠪᠢᠨ ᠰᠠᠶᠢᠳᠤᠷ ᠠᠳᠬᠤᠨ᠎ᠠ᠃ 13 | ᠠᠵᠤ ᠦᠢᠯᠡᠳᠪᠦᠷᠢ ᠶᠢᠨ ᠭᠤᠤᠯᠳᠠᠯᠭ᠎ᠠ ᠲᠠᠢ ᠳᠦᠷᠦᠯ ᠵᠦᠢᠯ ᠢ ᠳᠦᠯᠦᠪᠯᠡᠨ ᠬᠡᠷᠡᠭᠵᠢᠬᠦᠯᠵᠤ᠂ ᠨᠡᠶᠢᠳᠡ 698 | ᠳ᠋ᠦᠩᠰᠢᠭᠤᠷ ᠳᠦᠬᠦᠷᠢᠭ ᠪᠡᠯᠡ ᠤᠷᠤᠭᠤᠯᠤᠨ᠂ 2014 ᠤᠨ ᠳᠤ 104.5 ᠳ᠋ᠦᠩᠰᠢᠭᠤᠷ ᠳᠦᠬᠦᠷᠢᠭ ᠪᠡᠯᠡ | ᠤᠷᠤᠭᠤᠯᠬᠤ ᠪᠠᠷ ᠳᠦᠯᠦᠪᠯᠡᠨᠡ᠃ ᠨᠡᠶᠢᠳᠡ 160 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠶᠤᠸᠠᠨ | ᠲᠦᠩ ᠤᠨ 600 ᠳᠦᠮᠡᠨ ᠳᠡᠭᠰᠢ ᠳᠦᠷᠪᠡᠯᠵᠢᠨ ᠮᠧᠲᠷ ᠤᠨ《 ᠡᠾᠧ ᠯᠠᠨ ᠬᠠᠰ》᠂ ᠨᠡᠶᠢᠳᠡ 20 | ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠴᠢᠩ ᠬᠤᠸᠠ ᠶᠢᠨ 1000 ᠲᠤᠨ ᠤ ᠨᠡᠬᠦᠷᠡᠰᠦᠳᠦ᠋ᠷᠦᠭᠴᠢ | ᠰᠢᠷᠬᠡᠭᠯᠢᠭ᠂ ᠨᠡᠶᠢᠳᠡ 12.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠹᠧᠩ ᠸᠧᠢ ᠶᠢᠨ 10 ᠲᠦᠮᠡᠨ | ᠺᠢᠯᠤᠸᠤᠯᠲ ᠬᠡᠷᠡᠯ ᠴᠠᠬᠢᠯᠭᠠᠨ ᠵᠡᠷᠬᠡ 7 ᠰᠢᠨ᠎ᠡ ᠪᠠᠷ ᠪᠠᠶᠢᠭᠤᠯᠬᠤ ᠳᠦᠷᠦᠯ ᠵᠦᠢᠯ ᠳᠤᠭᠳᠠᠭᠰᠠᠨ ᠬᠤᠭᠤᠴᠠᠭᠠᠨ | ᠳᠠᠭᠠᠨ ᠠᠵᠢᠯ ᠡᠬᠢᠯᠡᠬᠦᠯᠬᠦ ᠶᠢ ᠪᠦᠬᠦ ᠬᠦᠴᠦ ᠪᠠᠷ ᠠᠬᠢᠭᠤᠯᠤᠨ᠎ᠠ᠃ ᠶᠢᠨ ᠱᠢ ᠮᠠᠭᠨᠢ ᠶᠢᠨ ᠦᠢᠯᠡᠰ ᠤᠨ 20 | ᠳᠦᠮᠡᠨ ᠳᠤᠨ ᠤ ᠴᠢᠨᠠᠷᠯᠢᠭ ᠮᠠᠭᠨᠢ ᠶᠢᠨ ᠬᠠᠶᠢᠯᠤᠰᠢ᠂ ᠠᠯᠠᠱᠠ ᠶᠢᠨ ᠤᠭᠳᠠᠷᠭᠤᠢ ᠶᠢᠨ ᠨᠢᠰᠦᠬᠦᠷ᠂ ᠪᠠᠶᠠᠨᠬᠤᠳᠠ | ᠶᠢᠨ 2×33 ᠳᠦᠮᠡᠨ ᠺᠢᠯᠤᠸᠤᠯᠲ ᠤᠨ ᠢᠯᠴᠢ ᠴᠠᠬᠢᠯᠭᠠᠨ ᠦᠢᠯᠡᠳᠪᠦᠷᠢᠯᠡᠬᠦ ᠵᠡᠷᠬᠡ 6 ᠦᠷᠬᠦᠯᠵᠢᠯᠡᠨ | ᠪᠠᠶᠢᠭᠤᠯᠬᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠦᠯᠬᠢᠨ ᠠᠬᠢᠭᠤᠯᠤᠨ᠎ᠠ᠃ ᠱᠤᠸᠠᠩ ᠢ | ᠸᠠᠭᠠᠷ ᠱᠠᠭᠠᠵᠠᠩ ᠤᠨ ᠨᠢᠬᠡᠳᠦᠬᠡᠷ ᠬᠤᠭᠤᠴᠠᠭ᠎ᠠ᠂ ᠢᠩ ᠬᠠᠢ ᠱᠦᠢᠨᠢ ᠵᠡᠷᠬᠡ ᠳᠦᠷᠦᠯ ᠵᠦᠢᠯ ᠳᠤᠭᠳᠠᠭᠰᠠᠨ | ᠬᠤᠭᠤᠴᠠᠭᠠᠨ ᠳᠠᠭᠠᠨ ᠦᠢᠯᠡᠳᠪᠦᠷᠢᠯᠡᠬᠦ ᠬᠡᠮᠵᠢᠶᠡᠨ ᠳᠤ ᠬᠦᠷᠬᠦ ᠶᠢ ᠠᠬᠢᠭᠤᠯᠤᠨ᠎ᠠ᠃ ᠳᠠᠶᠢᠰᠢ᠂ ᠨᠢᠩ ᠹᠠ | ᠨᠡᠬᠦᠷᠡᠰᠤᠨ ᠤ ᠠᠭᠤᠷᠬᠠᠢ ᠶᠢ ᠵᠠᠳᠠᠭᠠᠢ ᠨᠡᠬᠦᠷᠡᠰᠦᠨ ᠠᠭᠤᠷᠬᠠᠢ ᠪᠤᠯᠭᠠᠵᠤ ᠦᠬᠡᠷᠡᠴᠢᠯᠡᠬᠦ ᠢᠨᠵᠧᠨᠧᠷᠢᠩ ᠢ | ᠯᠠᠪᠳᠠᠭᠤᠨ ᠢᠶᠠᠷ ᠠᠬᠢᠭᠤᠯᠤᠨ᠎ᠠ᠃ ᠤᠯᠤᠰ ᠤᠨ ᠡᠨᠧᠷᠬᠢ ᠤᠨ ᠵᠢᠯ ᠳᠤ 40 ᠳ᠋ᠦᠩᠰᠢᠭᠤᠷ ᠪᠤᠰᠤᠭ᠎ᠠ ᠳᠦᠷᠪᠡᠯᠵᠢᠨ | ᠮᠧᠲᠷ ᠨᠡᠬᠦᠷᠡᠰᠤ ᠪᠠᠷ ᠪᠠᠶᠢᠭᠠᠯᠢ ᠶᠢᠨ ᠰᠢᠳᠠᠮᠠᠬᠠᠢ ᠬᠡᠢ ᠦᠢᠯᠡᠳᠬᠦ᠂ ᠺᠠᠢ ᠬᠠᠩ ᠤᠯᠠᠨ ᠤᠯᠤᠰ ᠤᠨ ᠠᠭᠠᠷ ᠤᠨ | ᠠᠶᠠᠯᠠᠯ ᠤᠨ ᠠᠵᠤ ᠦᠢᠯᠡᠰ ᠤᠨ ᠬᠦᠷᠢᠶᠡᠯᠡᠩ᠂ ᠰᠦᠢ ᠰᠢᠨ ᠠᠭᠠᠷ ᠤᠨ ᠠᠶᠠᠯᠠᠯ ᠤᠨ ᠨᠢᠰᠦᠬᠦᠷ ᠤᠨ ᠠᠵᠤ ᠦᠢᠯᠡᠰ | ᠤᠨ ᠰᠠᠭᠤᠷᠢᠨ᠂ ᠱᠧᠨ ᠬᠤᠸᠠ ᠶᠢᠨ ᠤᠯᠠᠨᠪᠤᠯᠠᠭ ᠳᠠᠬᠢ 2×33 ᠳᠦᠮᠡᠨ ᠺᠢᠯᠤᠸᠤᠯᠲ ᠤᠨ ᠪᠡᠯᠡᠳᠬᠡᠯ ᠴᠠᠬᠢᠯᠭᠠᠨ | ᠦᠢᠯᠡᠳᠪᠦᠷᠢ ᠵᠡᠷᠬᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠯᠠᠪᠳᠠᠭᠤᠨ ᠢᠶᠠᠷ ᠳᠦᠯᠬᠢᠨ | ᠠᠬᠢᠭᠤᠯᠵᠤ᠂ ᠡᠷᠳᠡᠬᠡᠨ ᠪᠠᠷᠢᠯᠭ᠎ᠠ ᠡᠬᠢᠯᠡᠬᠦᠯᠬᠦ ᠪᠠᠷ ᠴᠢᠷᠮᠠᠶᠢᠨ᠎ᠠ᠃ | ᠤᠷᠤᠨ ᠳᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠤᠨ᠎ᠠ | ᠃《 ᠪᠠᠶᠠᠨᠬᠤᠳᠠ ᠶᠢᠨ ᠤᠷᠴᠢᠨ ᠠᠬᠤᠢ ᠶᠢ ᠬᠠᠮᠠᠭᠠᠯᠠᠬᠤ ᠮᠠᠶ᠋ᠢᠭ ᠤᠨ ᠠᠵᠤ ᠦᠢᠯᠡᠳᠪᠦᠷᠢ ᠶᠢᠨ ᠳᠤᠭᠤᠷᠢᠭ ᠤᠨ | ᠳᠦᠯᠦᠪᠵᠢᠬᠦᠯᠬᠡ》 ᠶᠢ ᠵᠠᠰᠠᠪᠤᠷᠢ ᠤᠷᠤᠭᠤᠯᠤᠨ ᠨᠠᠶᠢᠷᠠᠭᠤᠯᠬᠤ ᠠᠵᠢᠯ ᠢ ᠪᠡᠶᠡᠯᠡᠬᠦᠯᠦᠨ᠎ᠡ᠃ ᠳᠡᠭᠷᠢ ᠶᠢᠨ ᠠᠵᠤ | ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠤ ᠳᠦᠬᠦᠷ ᠦᠢᠯᠡᠴᠢᠯᠡᠬᠡᠨ ᠤ ᠨᠦᠬᠦᠴᠡᠯ ᠢ ᠶᠡᠬᠡᠪᠡᠷ | ᠰᠠᠶᠢᠵᠢᠷᠠᠭᠤᠯᠵᠤ᠂ ᠬᠠᠳᠠᠭᠤ ᠪᠡᠶᠡᠳᠤ ᠬᠠᠶᠠᠭᠳᠠᠮᠠᠯ ᠢ ᠰᠢᠢᠳᠪᠦᠷᠢᠯᠡᠬᠦ᠂ ᠳᠡᠪᠬᠡ ᠶᠢᠨ ᠤᠰᠤᠨ ᠴᠦᠬᠦᠷᠦᠮ᠂ 50 | ᠺᠢᠯᠤᠮᠧᠲᠷ ᠤᠨ ᠬᠤᠳᠠ ᠶᠢᠨ ᠵᠠᠰᠠᠮᠠᠯ ᠵᠠᠮ ᠪᠠ ᠠᠮᠢᠳᠤᠷᠠᠯ ᠤᠨ ᠦᠢᠯᠡᠴᠢᠯᠡᠬᠡᠨ ᠤ ᠳᠤᠭᠤᠷᠢᠭ ᠤᠨ ᠳᠦᠬᠦᠷ | ᠰᠠᠭᠤᠷᠢ ᠳᠦᠬᠦᠬᠡᠷᠦᠮᠵᠢ ᠵᠡᠷᠬᠡ 10 ᠳᠦᠷᠦᠯ ᠵᠦᠢᠯ ᠢ ᠬᠡᠷᠡᠭᠵᠢᠬᠦᠯᠵᠤ᠂ ᠳᠡᠭᠷᠢ ᠶᠢᠨ ᠬᠠᠭᠤᠴᠢᠨ ᠳᠤᠭᠤᠷᠢᠭ ᠤᠨ | ᠬᠡᠰᠡᠭ ᠠᠵᠤ ᠠᠬᠤᠶᠢᠯᠠᠯ ᠢ ᠨᠡᠬᠦᠯᠬᠡᠬᠦ ᠠᠵᠢᠯ ᠢ ᠪᠡᠶᠡᠯᠡᠬᠦᠯᠦᠨ᠎ᠡ᠃ ᠤᠯᠠᠨᠪᠤᠯᠠᠭ ᠤᠨ ᠠᠵᠤ ᠦᠢᠯᠡᠰ ᠤᠨ | ᠳᠤᠭᠤᠷᠢᠭ ᠤᠨ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠳᠦᠯᠬᠢᠨ ᠠᠬᠢᠭᠤᠯᠵᠤ᠂ | ᠬᠤᠳᠠ ᠶᠢᠨ ᠵᠠᠮ᠂ ᠤᠰᠤᠨ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠪᠠ ᠬᠠᠮᠠᠭᠠᠯᠠᠯᠳᠠ ᠶᠢᠨ ᠤᠢ᠂ | ᠨᠤᠭᠤᠭᠠᠷᠠᠭᠤᠯᠤᠯᠳᠠ ᠶᠢᠨ ᠪᠦᠰᠡ ᠵᠡᠷᠬᠡ ᠢᠨᠵᠧᠨᠧᠷᠢᠩ ᠢ ᠬᠡᠷᠡᠭᠵᠢᠬᠦᠯᠦᠨ᠎ᠡ᠃ ᠪᠠᠶᠠᠨᠨᠢᠷᠤᠭᠤᠨ ᠤ ᠪᠤᠷᠵᠢᠨ | ᠴᠢᠯᠠᠭᠤᠯᠢᠭ ᠤᠨ ᠠᠭᠤᠷᠬᠠᠢ ᠶᠢᠨ ᠤᠷᠤᠨ ᠪᠠ ᠵᠢᠷᠠᠳᠠᠢ ᠶᠢᠨ ᠴᠢᠯᠠᠭᠤᠨ ᠮᠠᠲ᠋ᠧᠷᠢᠶᠠᠯ ᠡᠳ᠋ᠰᠢᠬᠦᠯᠬᠦ ᠤᠷᠤᠨ ᠨᠢᠬᠡ | ᠴᠤᠭᠴᠠᠵᠢᠨ ᠬᠦᠭᠵᠢᠬᠦ ᠶᠢ ᠳᠦᠷᠬᠡᠳᠬᠡᠨ ᠠᠬᠢᠭᠤᠯᠵᠤ᠂ ᠰᠠᠭᠤᠷᠢ ᠳᠦᠬᠦᠬᠡᠷᠦᠮᠵᠢ ᠶᠢᠨ ᠨᠦᠬᠦᠴᠡᠯ ᠢ ᠦᠨᠡᠨᠬᠦ | ᠰᠠᠶᠢᠵᠢᠷᠠᠭᠤᠯᠤᠨ᠂ ᠵᠠᠮ ᠨᠡᠪᠳᠡᠷᠡᠯᠬᠡ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠢᠷᠠᠳᠠᠢ ᠳᠡᠮᠦᠷ ᠵᠠᠮ ᠤᠨ | ᠴᠢᠩᠬᠡᠯᠢᠭ ᠤᠨ ᠦᠷᠳᠡᠭᠡ ᠵᠡᠷᠬᠡ ᠰᠠᠭᠤᠷᠢ ᠳᠦᠬᠦᠬᠡᠷᠦᠮᠵᠢ ᠶᠢᠨ ᠢᠨᠵᠧᠨᠧᠷᠢᠩ ᠢ ᠬᠡᠷᠡᠭᠵᠢᠬᠦᠯᠦᠨ᠎ᠡ᠃ | ︵ᠭᠤᠷᠪᠠ︶ ᠳᠠᠷᠢᠶᠠᠯᠠᠩ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠬᠦᠭᠵᠢᠬᠦᠯᠬᠦ ᠶᠢᠨ ᠳᠤᠭᠤᠷᠢᠨ | ᠳᠤ᠂ ᠮᠠᠯᠴᠢᠨ ᠳᠠᠷᠢᠶᠠᠴᠢᠨ ᠤ ᠤᠷᠤᠯᠭ᠎ᠠ ᠶᠢ ᠦᠷᠬᠦᠯᠵᠢᠯᠡᠨ ᠯᠠᠪᠳᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠪᠤᠬᠢᠷᠳᠤᠯ ᠦᠬᠡᠢ ᠳᠦᠷᠦᠯ ᠳᠡᠮᠳᠡᠭ ᠢ ᠡᠬᠦᠳᠴᠣ᠂ ᠦᠪᠡᠷᠮᠢᠴᠡ ᠵᠠᠮ ᠢᠶᠠᠷ ᠵᠠᠮᠨᠠᠨ᠂《 ᠮᠠᠯᠴᠢᠨ ᠳᠠᠷᠢᠶᠠᠴᠢᠨ᠂ | ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ》 ᠤ ᠠᠵᠢᠯ ᠢ ᠬᠦᠴᠦ ᠳᠠᠯᠪᠢᠨ ᠰᠠᠶᠢᠳᠤᠷ ᠠᠳᠬᠤᠵᠤ᠂《 | ᠪᠤᠬᠢᠷᠳᠤᠯ ᠦᠬᠡᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠦᠢᠯᠡᠳᠪᠦᠷᠢᠯᠡᠵᠤ ᠭᠠᠷᠭᠠᠬᠤ | ᠰᠠᠭᠤᠷᠢᠨ ᠭᠠᠵᠠᠷ》 ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠤᠨ᠎ᠠ᠃ | ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠰᠠᠭᠤᠷᠢ ᠶᠢ ᠪᠠᠬᠢᠵᠢᠬᠦᠯᠦᠨ᠎ᠡ᠃ ᠪᠦᠬᠦ ᠬᠤᠰᠢᠭᠤᠨ ᠤ | ᠳᠠᠷᠢᠶᠠᠯᠠᠩ ᠤᠨ ᠶᠡᠷᠦᠩᠬᠡᠢ ᠳᠠᠷᠢᠮᠠᠯ ᠤᠨ ᠳᠠᠯᠠᠪᠠᠢ ᠶᠢ 35 ᠳᠦᠮᠡᠨ ᠮᠤ᠋ ᠳᠤᠳᠤᠷ᠎ᠠ ᠬᠢᠵᠠᠭᠠᠷᠯᠠᠨ᠎ᠠ᠃ | ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠳᠤᠤᠷᠠᠬᠢ ᠤᠰᠤ ᠶᠢ ᠬᠡᠷᠡᠭᠯᠡᠬᠦ ᠪᠠ ᠨᠦᠬᠦᠪᠦᠷᠢᠯᠡᠬᠦ ᠶᠢ | ᠳᠡᠩᠴᠡᠬᠦᠷᠢᠰᠢᠬᠦᠯᠬᠦ ᠠᠯᠬᠤᠴᠠ ᠪᠠᠨ ᠳᠦᠷᠬᠡᠳᠬᠡᠨ᠂《 ᠳᠦᠷᠪᠡᠨ ᠮᠢᠩᠭ᠎ᠠ ᠳᠦᠮᠡᠨ ᠮᠤ᠋》 ᠦᠨᠳᠦᠷ ᠠᠰᠢᠭᠳᠤ | ᠭᠠᠮᠳᠠᠢ ᠤᠰᠤᠯᠠᠯᠳᠠ ᠶᠢᠨ ᠢᠨᠵᠧᠨᠧᠷᠢᠩ ᠢ ᠪᠦᠬᠦ ᠳᠠᠯ᠎ᠠ ᠪᠠᠷ ᠬᠡᠷᠡᠭᠵᠢᠬᠦᠯᠵᠤ᠂ ᠳᠠᠷᠢᠶᠠᠯᠠᠩ ᠤᠨ ᠭᠠᠮᠳᠠᠢ | ᠤᠰᠤᠯᠠᠯᠳᠠ ᠶᠢᠨ ᠳᠠᠯᠠᠪᠠᠢ ᠶᠢ 7500 ᠮᠤ᠋ ᠰᠢᠨ᠎ᠡ ᠪᠠᠷ ᠨᠡᠮᠡᠭᠳᠡᠬᠦᠯᠦᠨ᠎ᠡ᠃ ᠡᠯ᠎ᠡ ᠵᠦᠢᠯ ᠤᠨ ᠳᠦᠷᠦᠯ ᠵᠦᠢᠯ ᠤᠨ | ᠪᠡᠯᠡ ᠮᠦᠩᠬᠦ ᠶᠢ 750 ᠳᠦᠮᠡᠨ ᠳᠦᠬᠦᠷᠢᠭ ᠨᠡᠶᠢᠯᠡᠬᠦᠯᠦᠨ ᠨᠢᠬᠡᠳᠦᠬᠦᠯᠵᠤ᠂ ᠱᠠᠩᠨᠠᠨ ᠨᠦᠬᠦᠪᠦᠷᠢᠯᠡᠬᠦ ᠵᠡᠷᠬᠡ | ᠬᠡᠯᠪᠡᠷᠢ ᠪᠠᠷ《 ᠬᠤᠯᠢᠰᠢᠨ ᠢᠳᠡᠬᠡᠨ》 ᠤ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠦᠯᠬᠢᠨ | ᠠᠬᠢᠭᠤᠯᠤᠨ᠎ᠠ᠃ ᠮᠠᠯ ᠤᠨ ᠨᠡᠶᠢᠳᠡ ᠳᠤᠭ᠎ᠠ ᠶᠢ 132 ᠳᠦᠮᠡᠨ ᠳᠤᠯᠤᠭᠠᠢ ᠳᠤ ᠬᠢᠵᠠᠭᠠᠷᠯᠠᠨ᠂ ᠳᠠᠷᠢᠶᠠᠯᠠᠬᠤ | ᠤᠷᠤᠨ ᠤ ᠬᠠᠰᠢᠶᠠᠯᠠᠨ ᠳᠡᠵᠢᠬᠡᠬᠦ ᠬᠡᠪᠴᠢᠶ᠎ᠡ ᠶᠢ 72 ᠳᠦᠮᠡᠨ ᠳᠤᠭ᠎ᠠ ᠳᠤᠯᠤᠭᠠᠢ ᠳᠤ ᠬᠦᠷᠬᠡᠨ᠎ᠡ᠃ ᠬᠡᠷ | ᠪᠦᠯᠢ ᠶᠢᠨ ᠮᠠᠯᠵᠢᠯ ᠤᠨ ᠳᠠᠯᠠᠪᠠᠢ ᠶᠢ 70 ᠡᠷᠦᠬᠡ ᠬᠦᠮᠦᠵᠢᠬᠦᠯᠦᠨ᠎ᠡ᠃ ᠮᠧᠩ ᠷᠦᠩ ᠺᠤᠮᠫᠠᠨᠢ ᠠᠴᠠ ᠨᠤᠯᠤᠤᠷ ᠤᠨ | ᠴᠠᠭᠠᠨ ᠢᠮᠠᠭᠠᠨ ᠤ ᠰᠢᠯᠢᠳᠡᠭ ᠡᠬᠦᠯᠳᠡᠷ ᠤᠨ ᠡᠬᠢ ᠪᠠᠶᠠᠯᠢᠭ ᠢ ᠬᠠᠮᠠᠭᠠᠯᠠᠬᠤ ᠪᠠ ᠬᠡᠳᠤ ᠨᠤᠯᠤᠤᠷᠳᠤ ᠢᠮᠠᠭᠠᠨ ᠤ | ᠡᠬᠦᠯᠳᠡᠷ ᠪᠤᠶᠢᠵᠢᠭᠤᠯᠬᠤ ᠠᠵᠢᠯ ᠦᠷᠨᠢᠬᠦᠯᠬᠦ ᠶᠢ ᠳᠡᠮᠵᠢᠨ᠎ᠡ᠃ | ᠤᠨᠴᠠᠯᠢᠭᠳᠤ ᠳᠠᠷᠢᠶᠠᠯᠠᠩ ᠮᠠᠯ ᠠᠵᠤ ᠠᠬᠤᠢ ᠪᠠ ᠡᠯᠡᠰᠦᠨ ᠤ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ | ᠡᠯᠡᠰᠦᠨ ᠤ ᠠᠵᠤ ᠦᠢᠯᠡᠰ ᠤᠨ ᠬᠦᠭᠵᠢᠬᠦᠯᠦᠯᠳᠡ ᠶᠢᠨ ᠳᠦᠯᠦᠪᠵᠢᠬᠦᠯᠬᠡ ᠶᠢ ᠵᠤᠬᠢᠶᠠᠨ ᠨᠠᠶᠢᠷᠠᠭᠤᠯᠵᠤ᠂ ᠡᠯᠡᠰᠦᠨ | ᠤ ᠠᠵᠤ ᠦᠢᠯᠡᠰ ᠤᠨ ᠬᠦᠭᠵᠢᠯᠳᠡ ᠶᠢ ᠮᠠᠨ ᠤ ᠬᠤᠰᠢᠭᠤᠨ ᠤ ᠳᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ | ᠶᠢᠨ ᠬᠡᠯᠪᠡᠷᠢ ᠶᠢ ᠬᠤᠪᠢᠷᠠᠭᠤᠯᠬᠤ ᠴᠢᠬᠤᠯᠠ ᠠᠷᠭ᠎ᠠ ᠵᠠᠮ ᠪᠠ ᠰᠢᠪᠳᠤᠯᠤᠯᠳᠠ ᠶᠢᠨ ᠴᠡᠭ ᠪᠤᠯᠭᠠᠨ᠎ᠠ᠃ ᠱᠧᠩ ᠮᠤ᠋ | ᠭᠤᠤ ᠺᠧ ᠺᠤᠮᠫᠠᠨᠢ ᠠᠴᠠ ᠬᠡᠪᠴᠢᠶᠡᠵᠢᠭᠰᠡᠨ ᠤᠷᠭᠠᠨᠢᠭ ᠳᠠᠷᠢᠵᠤ ᠳᠡᠵᠢᠬᠡᠬᠦ ᠦᠢᠯᠡᠰ ᠢ ᠬᠦᠭᠵᠢᠬᠦᠯᠬᠦ ᠶᠢ ᠪᠦᠬᠦ | ᠬᠦᠴᠦᠨ ᠢᠶᠠᠷ ᠳᠡᠮᠵᠢᠨ᠂ 7 ᠳᠦᠮᠡᠨ ᠮᠤ᠋ ᠳᠠᠷᠢᠮᠠᠯ ᠪᠡᠯᠴᠢᠬᠡᠷ ᠢ ᠰᠢᠨ᠎ᠡ ᠪᠠᠷ ᠨᠡᠮᠡᠭᠳᠡᠬᠦᠯᠬᠦ ᠪᠠᠷ ᠳᠦᠯᠦᠪᠯᠡᠵᠤ᠂ | ᠰᠠᠭᠠᠯᠢ ᠶᠢᠨ ᠦᠨᠢᠶ᠎ᠡ ᠳᠡᠵᠢᠬᠡᠨ ᠦᠷᠡᠵᠢᠬᠦᠯᠬᠦ ᠬᠡᠪᠴᠢᠶ᠎ᠡ ᠶᠢ 2 ᠳᠦᠮᠡᠨ ᠳᠤᠯᠤᠭᠠᠢ ᠳᠤ ᠬᠦᠷᠬᠡᠨ᠂ 3 ᠳᠦᠮᠡᠨ | ᠳᠤᠨ ᠰᠦᠨ ᠬᠦᠴᠢᠯ ᠤᠨ ᠤᠮᠳᠠᠭᠠᠨ ᠤ ᠳᠦᠷᠦᠯ ᠵᠦᠢᠯ ᠡᠬᠢᠯᠡᠨ ᠪᠠᠶᠢᠭᠤᠯᠤᠭᠳᠠᠬᠤ ᠶᠢ ᠳᠦᠯᠬᠢᠨ ᠠᠬᠢᠭᠤᠯᠵᠤ᠂ | 2 ᠳᠦᠮᠡᠨ ᠳᠤᠨ ᠳᠡᠬᠡᠳᠤ ᠳᠡᠰ ᠤᠨ ᠨᠢᠯᠬ᠎ᠠ ᠬᠡᠦᠬᠡᠳ ᠤᠨ ᠰᠦᠨ ᠳᠠᠯᠬ᠎ᠠ ᠶᠢᠨ ᠳᠦᠷᠦᠯ ᠵᠦᠢᠯ ᠤᠨ ᠡᠮᠦᠨᠡᠬᠢ | ᠬᠤᠭᠤᠴᠠᠭᠠᠨ ᠤ ᠠᠵᠢᠯ ᠢ ᠦᠷᠨᠢᠬᠦᠯᠦᠨ᠎ᠡ᠃ ᠦᠪᠦᠷ ᠮᠤᠩᠭᠤᠯ ᠤᠨ ᠳ᠋ᠦᠩ ᠯᠠᠨ ᠺᠤᠮᠫᠠᠨᠢ ᠲᠠᠢ ᠬᠠᠮᠳᠤᠷᠠᠨ | ᠠᠵᠢᠯᠯᠠᠬᠤ ᠡᠷᠴᠢᠮ ᠢᠶᠠᠨ ᠴᠢᠩᠭᠠᠳᠬᠠᠵᠤ᠂ 60 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ ᠳᠠᠷᠢᠶᠠᠯᠠᠩ | ᠣᠢ ᠰᠢᠭᠤᠢ ᠮᠠᠯᠵᠢᠯ ᠤᠨ ᠰᠢᠯᠢᠳᠡᠭ ᠳᠦᠷᠦᠯ ᠤᠨ ᠤᠯᠠᠨ ᠤᠯᠤᠰ ᠤᠨ ᠬᠠᠮᠳᠤ ᠶᠢᠨ ᠠᠵᠢᠯᠯᠠᠭᠠᠨ ᠤ ᠠᠵᠤ | ᠦᠢᠯᠡᠰ ᠤᠨ ᠬᠦᠷᠢᠶᠡᠯᠡᠩ ᠤᠨ ᠳᠦᠷᠦᠯ ᠵᠦᠢᠯ ᠢ ᠬᠡᠷᠡᠭᠵᠢᠬᠦᠯᠵᠤ᠂ 3 ᠳᠦᠮᠡᠨ ᠮᠤ᠋ ᠦᠵᠦᠮ ᠳᠠᠷᠢᠬᠤ᠂ 12 | ᠳᠦᠮᠡᠨ ᠳᠤᠯᠤᠭᠠᠢ ᠦᠬᠡᠷ ᠬᠤᠨᠢ ᠳᠡᠵᠢᠬᠡᠬᠦ ᠵᠢᠴᠢ ᠬᠦᠨᠵᠡᠬᠡᠢ ᠡᠳ᠋ᠰᠢᠬᠦᠯᠬᠦ ᠪᠠ 1ᠳᠦᠮᠡᠨ ᠮᠤ᠋ ᠳᠦᠬᠦᠬᠡᠷᠦᠮᠵᠢᠳᠤ | ᠳᠠᠷᠢᠶᠠᠯᠠᠩ ᠤᠨ ᠰᠠᠭᠤᠷᠢᠨ ᠢ ᠡᠬᠢᠯᠡᠵᠤ ᠪᠠᠶᠢᠭᠤᠯᠬᠤ ᠶᠢ ᠬᠦᠴᠦᠯᠡᠨ ᠠᠬᠢᠭᠤᠯᠤᠨ᠎ᠠ᠃ ᠡᠯ᠎ᠡ ᠵᠦᠢᠯ ᠤᠨ ᠠᠵᠤ | ᠠᠬᠤᠢ ᠶᠢᠨ ᠵᠤᠬᠢᠶᠠᠨ ᠪᠠᠶᠢᠭᠤᠯᠤᠯᠳᠠ ᠠᠴᠠ ᠬᠦᠮᠡᠯᠢ ᠳᠠᠷᠢᠬᠤ ᠬᠡᠪᠴᠢᠶ᠎ᠡ ᠪᠠᠨ ᠦᠷᠬᠡᠳᠬᠡᠬᠦ ᠶᠢ ᠵᠤᠷᠢᠭᠵᠢᠭᠤᠯᠤᠨ᠂ | 500 ᠰᠠᠤᠷᠢ ᠳᠠᠷᠢᠮᠠᠯ ᠤᠨ ᠳᠤᠯᠠᠭᠠᠨ ᠬᠦᠯᠡᠮᠵᠢ᠂ 1500 ᠰᠠᠤᠷᠢ ᠱᠤᠯᠳᠤᠩ ᠰᠠᠷᠠᠪᠴᠢ᠂ 3000 ᠮᠤ᠋ ᠳᠠᠷᠢᠶ᠎ᠠ | ᠶᠢ ᠰᠢᠨ᠎ᠡ ᠪᠠᠷ ᠨᠡᠮᠡᠭᠳᠡᠬᠦᠯᠬᠦ ᠪᠠᠷ ᠳᠦᠯᠦᠪᠯᠡᠵᠤ᠂ ᠡᠪᠡᠰᠦᠨ ᠤ ᠠᠵᠤ ᠦᠢᠯᠡᠰ ᠤᠨ ᠳᠠᠷᠢᠮᠠᠯ ᠢ 5000 ᠮᠤ᠋ | ᠳᠦᠬᠦᠷᠵᠢᠬᠦᠯᠦᠨᠡ᠃ 8 ᠳᠦᠮᠡᠨ ᠮᠤ᠋ ᠴᠠᠭᠠᠨ ᠭᠤᠶᠤᠤ᠂ 3 ᠳᠦᠮᠡᠨ ᠮᠤ᠋ ᠤᠯᠠᠭᠠᠨ ᠭᠤᠶᠤᠤ ᠳᠠᠷᠢᠨ᠎ᠠ᠃ 2 | ᠳᠦᠮᠡᠨ ᠮᠤ᠋ ᠨᠠᠷᠠᠨ ᠬᠤᠸᠠᠷ ᠳᠠᠷᠢᠬᠤ᠂ ᠬᠤᠩ ᠶᠤᠸᠠᠨ ᠺᠤᠮᠫᠠᠨᠢ ᠶᠢᠨ 500 ᠮᠤ᠋ ᠦᠨᠦᠷᠳᠤ ᠤᠷᠭᠤᠮᠠᠯ ᠤᠨ | ᠳᠤᠷᠰᠢᠯᠳᠠ ᠶᠢᠨ ᠵᠢᠱᠢᠶ᠎ᠡ ᠦᠵᠡᠬᠦᠯᠬᠦ ᠵᠡᠷᠬᠡ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ | ᠠᠳᠬᠤᠵᠤ᠂ ᠴᠠᠭᠠᠨ ᠭᠤᠶᠤᠤ᠂ ᠤᠯᠠᠭᠠᠨ ᠭᠤᠶᠤᠤ᠂ ᠡᠯᠡᠰᠦᠨ ᠭᠠᠵᠠᠷ ᠤᠨ ᠦᠵᠦᠮ᠂ ᠴᠢᠨ᠋ᠸ᠎ᠠ ᠶᠢᠨ ᠬᠠᠷᠮᠠᠭ | ᠵᠡᠷᠬᠡ ᠡᠯᠡᠰᠦᠨ ᠤ ᠠᠵᠤ ᠦᠢᠯᠡᠰ ᠢ ᠳᠡᠯᠬᠡᠷᠡᠬᠦᠯᠬᠦ᠂ ᠦᠷᠬᠦᠯᠵᠢᠯᠡᠬᠦᠯᠬᠦ ᠪᠠ ᠨᠡᠬᠡᠬᠡᠨ ᠠᠰᠢᠭᠯᠠᠬᠤ ᠶᠢ ᠳᠦᠯᠬᠢᠨ | ᠠᠬᠢᠭᠤᠯᠤᠨ᠎ᠠ᠃ | ᠮᠠᠯᠴᠢᠨ ᠳᠠᠷᠢᠶᠠᠴᠢᠨ ᠤ ᠤᠷᠤᠯᠭ᠎ᠠ ᠪᠠᠨ ᠨᠡᠮᠡᠭᠳᠡᠬᠦᠯᠬᠦ ᠠᠷᠭ᠎ᠠ ᠵᠠᠮ ᠢ ᠦᠷᠬᠡᠳᠬᠡᠨ᠎ᠡ᠃ ᠮᠠᠯᠴᠢᠨ ᠳᠠᠷᠢᠶᠠᠴᠢᠳ | ᠡᠯ᠎ᠡ ᠵᠦᠢᠯ ᠤᠨ ᠳᠤᠰᠬᠠᠢ ᠬᠤᠷᠰᠢᠶᠠᠵᠢᠯ ᠪᠠ ᠠᠵᠢᠯ ᠳᠦᠷᠦᠯ ᠤᠨ ᠨᠡᠶᠢᠬᠡᠮᠯᠢᠭ ᠲᠤ ᠤᠷᠤᠯᠴᠠᠬᠤ ᠶᠢ | ᠵᠢᠯᠤᠭᠤᠳᠴᠤ ᠵᠤᠷᠢᠭᠵᠢᠭᠤᠯᠤᠨ᠂ ᠠᠰᠢᠭ ᠳᠤᠰᠠ ᠪᠠᠨ ᠬᠤᠯᠪᠤᠯᠴᠠᠬᠤ ᠳᠤᠭᠳᠠᠴᠠ ᠶᠢ ᠳᠦᠷᠢᠮᠵᠢᠬᠦᠯᠦᠨ | ᠳᠡᠬᠦᠯᠳᠡᠷᠵᠢᠬᠦᠯᠵᠤ᠂ ᠡᠯ᠎ᠡ ᠵᠦᠢᠯ ᠤᠨ ᠮᠠᠯ ᠳᠠᠷᠢᠶᠠᠯᠠᠩ ᠳᠤ ᠬᠤᠯᠪᠤᠭᠳᠠᠬᠤ ᠪᠠ ᠶᠠᠳᠠᠭᠤ ᠶᠢ ᠳᠡᠳᠬᠦᠨ ᠨᠡᠬᠡᠬᠡᠯᠳᠡ | ᠬᠢᠬᠦ ᠳᠦᠷᠦᠯ ᠵᠦᠢᠯ ᠤᠨ ᠪᠡᠯᠡ ᠮᠦᠩᠬᠦ ᠶᠢ ᠨᠢᠬᠡᠳᠬᠡᠨ ᠨᠡᠶᠢᠯᠡᠬᠦᠯᠵᠤ᠂ ᠡᠯ᠎ᠡ ᠵᠦᠢᠯ ᠤᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠬᠦᠭᠵᠢᠨ ᠪᠤᠵᠠᠭᠠᠶᠢᠷᠠᠬᠤ ᠶᠢ ᠶᠡᠭᠡ ᠬᠦᠴᠦᠨ ᠢᠶᠠᠷ ᠳᠡᠮᠵᠢᠨ᠂ ᠮᠠᠯᠴᠢᠨ ᠳᠠᠷᠢᠶᠠᠴᠢᠨ | ᠤ ᠡᠵᠡᠩᠨᠡᠯᠳᠡ ᠶᠢᠨ ᠴᠢᠨᠠᠷ ᠲᠠᠢ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ | ᠰᠢᠷᠤᠢ᠂ ᠪᠠᠶᠢᠷᠢ ᠪᠡᠯᠴᠢᠬᠡᠷ ᠤᠨ ᠡᠷᠬᠢᠯᠳᠡ ᠶᠢ ᠢᠳᠡᠪᠬᠢᠳᠡᠢ ᠳᠦᠯᠬᠢᠨ ᠠᠬᠢᠭᠤᠯᠵᠤ᠂ ᠳᠠᠭᠠᠭᠠᠴᠢᠯᠠᠨ ᠡᠵᠡᠩᠨᠡᠬᠦ | ᠡᠷᠬᠡ ᠶᠢ ᠳᠤᠯᠤᠭᠠᠶᠢᠯᠠᠭᠴᠢ ᠠᠵᠤ ᠠᠬᠤᠶᠢᠯᠠᠯ᠂ ᠳᠤᠰᠬᠠᠢ ᠬᠤᠷᠰᠢᠶᠠᠵᠢᠯ᠂ ᠳᠠᠷᠢᠵᠤ ᠳᠡᠵᠢᠬᠡᠬᠦ ᠳᠤᠮᠤ ᠡᠷᠦᠬᠡ ᠳᠤ | ᠡᠷᠬᠢᠯᠳᠦᠬᠦᠯᠬᠦ ᠪᠠ ᠳᠦᠪᠯᠡᠷᠡᠬᠦᠯᠬᠦ ᠶᠢ ᠠᠬᠢᠭᠤᠯᠤᠨ᠂ ᠤᠯᠠᠨ ᠬᠡᠯᠪᠡᠷᠢ ᠶᠢᠨ ᠬᠡᠪᠴᠢᠶᠡᠵᠢᠭᠰᠡᠨ᠂ ᠡᠷᠴᠢᠮᠵᠢᠭᠰᠡᠨ | ᠡᠵᠩᠨᠡᠯᠳᠡ ᠶᠢ ᠬᠦᠭᠵᠢᠬᠦᠯᠵᠤ᠂ ᠮᠠᠯᠴᠢᠨ ᠳᠠᠷᠢᠶᠠᠴᠢᠳ ᠤᠨ ᠡᠳ᠋ ᠬᠦᠷᠦᠩᠬᠡ ᠶᠢᠨ ᠴᠢᠨᠠᠷᠳᠠᠢ ᠤᠷᠤᠯᠭ᠎ᠠ ᠶᠢ | ᠨᠡᠮᠡᠭᠳᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠢᠯᠡᠬᠦᠴᠡ ᠬᠦᠳᠡᠯᠮᠦᠷᠢ ᠬᠦᠴᠦ ᠳᠤᠯᠤᠭᠠᠶᠢᠯᠠᠭᠴᠢ ᠠᠵᠤ | ᠠᠬᠤᠶᠢᠯᠠᠯ᠂ ᠳᠤᠰᠬᠠᠢ ᠬᠤᠷᠰᠢᠶᠠᠵᠢᠯ ᠤᠨ ᠦᠢᠯᠡᠳᠪᠦᠷᠢᠯᠡᠯ ᠡᠵᠡᠩᠨᠡᠯᠳᠡ ᠳᠤ ᠤᠷᠤᠯᠴᠠᠬᠤ ᠶᠢ ᠵᠤᠷᠢᠭᠵᠢᠭᠤᠯᠤᠨ᠂ | ᠮᠠᠯᠴᠢᠨ ᠳᠠᠷᠢᠶᠠᠴᠢᠨ ᠤ ᠴᠠᠯᠢᠩ ᠤᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ | ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠤ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠎ᠠ᠃ ᠦᠪᠡᠷᠳᠡᠬᠡᠨ | ᠵᠠᠰᠠᠬᠤ ᠤᠷᠤᠨ ᠤ ᠮᠠᠯᠵᠢᠬᠤ ᠳᠠᠷᠢᠶᠠᠯᠠᠬᠤ ᠤᠷᠤᠨ ᠤ ᠨᠡᠶᠢᠬᠡᠮ ᠤᠨ ᠪᠠᠳᠤᠯᠠᠭᠠᠨ ᠤ《 ᠠᠷᠪᠠ ᠶᠢ ᠪᠦᠬᠦᠨ | ᠢᠶᠠᠷ ᠬᠠᠮᠤᠷᠬᠤ》 ᠶᠢ 3 ᠵᠢᠯ ᠤᠨ ᠬᠤᠭᠤᠴᠠᠭ᠎ᠠ ᠬᠡᠷᠡᠭᠰᠡᠨ ᠪᠡᠶᠡᠯᠡᠬᠦᠯᠬᠦ ᠶᠡᠷᠦᠩᠬᠡᠢ ᠱᠠᠭᠠᠷᠳᠠᠯᠭ᠎ᠠ ᠶᠤᠰᠤᠭᠠᠷ᠂ | ᠪᠠᠶᠢᠴᠠᠭᠠᠵᠤ ᠪᠠᠶᠢᠳᠠᠯ ᠢ ᠨᠢ ᠤᠶᠢᠯᠠᠭᠠᠬᠤ᠂ ᠡᠯ᠎ᠡ ᠵᠦᠢᠯ ᠤᠨ ᠳᠦᠯᠦᠪᠵᠢᠬᠦᠯᠬᠡ ᠶᠢ ᠨᠠᠶᠢᠷᠠᠭᠤᠯᠤᠨ ᠵᠤᠬᠢᠶᠠᠬᠤ᠂ | ᠳᠦᠷᠦᠯ ᠵᠦᠢᠯ ᠢ ᠳᠦᠯᠦᠪᠯᠡᠬᠦ ᠵᠡᠷᠬᠡ ᠰᠠᠭᠤᠷᠢ ᠴᠢᠨᠠᠷᠳᠠᠢ ᠠᠵᠢᠯ ᠢ ᠱᠠᠯᠠᠪᠳᠠᠨ ᠪᠡᠶᠡᠯᠡᠬᠦᠯᠵᠤ᠂ ᠳᠦᠷᠦᠯ ᠵᠦᠢᠯ | ᠢ ᠠᠬᠢᠭᠤᠯᠬᠤ ᠪᠠ ᠵᠤᠬᠢᠴᠠᠭᠤᠯᠬᠤ ᠳᠤᠭᠳᠠᠴᠠ ᠶᠢ ᠪᠠᠶᠢᠭᠤᠯᠵᠤ᠂ ᠳᠦᠷᠦᠯ ᠵᠦᠢᠯ ᠢ ᠮᠡᠳᠡᠬᠦᠯᠬᠦ ᠪᠠ ᠬᠡᠷᠡᠭᠵᠢᠬᠦᠯᠬᠦ | ᠪᠠᠨ ᠳᠦᠷᠬᠡᠳᠬᠡᠨ᠂ ᠡᠨᠡᠬᠦ ᠴᠢᠬᠤᠯᠠ ᠶᠡᠭᠡ ᠠᠷᠭ᠎ᠠ ᠬᠡᠮᠵᠢᠶ᠎ᠠ ᠪᠠᠷ ᠡᠷᠳᠡᠬᠡᠨ ᠪᠦᠬᠦ ᠬᠤᠰᠢᠭᠤᠨ ᠤ ᠮᠠᠯᠴᠢᠨ | ᠳᠠᠷᠢᠶᠠᠴᠢᠳ ᠲᠤ ᠠᠰᠢᠭ ᠬᠦᠷᠳᠡᠬᠡᠨ᠎ᠠ᠃ ᠤᠨᠳᠤᠷᠤᠯᠳᠤ ᠪᠠᠯᠭᠠᠰᠤᠨ ᠤ ᠪᠠᠷᠠᠭᠤᠨᠬᠦ᠋ᠳᠡᠭᠡ ᠭᠠᠴᠠᠭ᠎ᠠ ᠵᠡᠷᠬᠡ 13 | ᠰᠢᠨ᠎ᠡ ᠬᠦᠳᠡᠭᠡ ᠳᠤᠰᠬᠤᠨ ᠮᠠᠯᠵᠢᠬᠤ ᠤᠷᠤᠨ ᠤ ᠵᠢᠱᠢᠶ᠎ᠡ ᠦᠵᠡᠬᠦᠯᠬᠦ ᠴᠡᠭ ᠤᠨ ᠪᠦᠳᠦᠬᠡᠨ ᠪᠠᠶᠢᠭᠤᠯᠤᠯᠳᠠ ᠶᠢ | ᠳᠦᠯᠬᠢᠨ ᠠᠬᠢᠭᠤᠯᠵᠤ᠂ ᠭᠠᠴᠠᠭ᠎ᠠ ᠳᠤᠰᠬᠤᠨ ᠱᠠᠳᠤᠨ ᠤ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠤᠨ《 | ᠤᠴᠢᠷ ᠨᠢᠬᠡᠪᠦᠷᠢ ᠶᠢ ᠳᠤᠰᠬᠠᠢ ᠵᠦᠪᠳᠡᠬᠦ》ᠡᠳ᠋ ᠤᠨ ᠵᠠᠰᠠᠭ ᠤᠨ ᠱᠠᠩᠨᠠᠨ ᠨᠦᠬᠦᠪᠦᠷᠢᠯᠡᠬᠦ ᠳᠦᠷᠦᠯ ᠵᠦᠢᠯ ᠢ | ᠬᠡᠷᠡᠭᠵᠢᠬᠦᠯᠵᠤ᠂ ᠰᠠᠭᠤᠷᠢᠰᠢᠬᠤ ᠤᠷᠴᠢᠨ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠢ ᠬᠡᠷᠡᠭᠵᠢᠬᠦᠯᠦᠨ᠂ ᠮᠠᠯᠵᠢᠬᠤ | ᠳᠠᠷᠢᠶᠠᠯᠠᠬᠤ ᠤᠷᠤᠨ ᠤ ᠤᠷᠴᠢᠨ ᠳᠤᠭᠤᠷᠢᠨ ᠤ ᠪᠠᠶᠢᠳᠠᠯ ᠢ ᠶᠡᠬᠡᠪᠡᠷ ᠰᠠᠶᠢᠵᠢᠷᠠᠭᠤᠯᠵᠤ᠂ ᠪᠦᠬᠦ ᠬᠤᠰᠢᠭᠤᠨ ᠤ | ᠮᠠᠯᠵᠢᠬᠤ ᠳᠠᠷᠢᠶᠠᠯᠠᠬᠤ ᠤᠷᠤᠨ ᠤ ᠳᠦᠷᠬᠦ ᠪᠠᠶᠢᠳᠠᠯ ᠢ ᠮᠡᠳᠡᠭᠳᠡᠮ᠎ᠡ ᠰᠠᠶᠢᠵᠢᠷᠠᠭᠤᠯᠤᠨ᠎ᠠ᠃ | ︵ᠳᠦᠷᠪᠡ︶ ᠵᠢᠭᠤᠯᠴᠢᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠂ ᠭᠤᠷᠪᠠᠳᠤᠭᠠᠷ ᠠᠵᠤ ᠦᠢᠯᠡᠰ ᠤᠨ | ᠳᠦᠷᠬᠡᠨ ᠬᠦᠭᠵᠢᠯᠳᠡ ᠶᠢ ᠳᠠᠶᠢᠴᠢᠯᠠᠨ᠎ᠠ᠃ | ᠵᠢᠭᠤᠯᠴᠢᠯᠠᠯ ᠤᠨ ᠨᠡᠬᠡᠬᠡᠨ ᠬᠦᠭᠵᠢᠬᠦᠯᠦᠯᠳᠡ᠂ ᠬᠡᠷᠡᠭᠯᠡᠭᠡ ᠶᠢ ᠦᠷᠬᠡᠳᠬᠡᠬᠦ ᠪᠠᠷ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠦᠭᠵᠢᠯᠳᠡ ᠶᠢ ᠳᠦᠯᠬᠢᠨ ᠠᠬᠢᠭᠤᠯᠬᠤ ᠬᠦᠴᠦᠳᠡᠢ ᠠᠷᠭ᠎ᠠ ᠬᠡᠮᠵᠢᠶ᠎ᠡ ᠪᠤᠯᠭᠠᠵᠤ᠂ ᠠᠷᠭ᠎ᠠ ᠪᠦᠬᠦᠨ ᠢ | ᠰᠦᠪᠡᠭᠴᠢᠯᠡᠨ ᠵᠢᠭᠤᠯᠴᠢᠯᠠᠯ ᠢ ᠬᠦᠭᠵᠢᠬᠡᠵᠤ᠂ ᠠᠷᠠᠯᠵᠢᠶ᠎ᠠ ᠬᠤᠳᠠᠯᠳᠤᠭ᠎ᠠ ᠶᠢ ᠠᠮᠢᠵᠢᠷᠠᠭᠤᠯᠤᠨ᠂ ᠬᠡᠷᠡᠭᠯᠡᠭᠡ ᠶᠢ | ᠠᠬᠢᠭᠤᠯᠵᠤ᠂ ᠮᠠᠨ ᠤ ᠬᠤᠰᠢᠭᠤ ᠪᠠᠨ ᠳᠠᠯ᠎ᠠ ᠨᠤᠳᠤᠭ ᠤᠨ ᠰᠤᠶᠤᠯ ᠢ ᠬᠠᠷᠠᠭᠤᠯᠤᠭᠰᠠᠨ᠂ ᠤᠮᠠᠷᠠᠳᠤ ᠬᠢᠵᠠᠭᠠᠷ | ᠤᠨ ᠦᠪᠡᠷᠮᠢᠴᠡ ᠤᠨᠴᠠᠯᠢᠭ ᠢ ᠪᠦᠷᠢᠯᠳᠦᠬᠦᠯᠦᠭᠰᠡᠨ ᠳᠤᠭᠤᠷᠢᠨ ᠵᠢᠭᠤᠯᠴᠢᠯᠠᠬᠤ ᠰᠡᠯᠡᠬᠦᠴᠡᠯ ᠠᠮᠠᠷᠠᠯᠳᠠ ᠶᠢᠨ | ᠰᠠᠭᠤᠷᠢᠨ ᠭᠠᠵᠠᠷ ᠪᠤᠯᠭᠠᠨ ᠪᠠᠶᠢᠭᠤᠯᠬᠤ ᠪᠠᠷ ᠴᠢᠷᠮᠠᠶᠢᠨ᠎ᠠ᠃ | ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢᠨ ᠬᠢᠷᠢ ᠳᠦᠪᠰᠢᠨ ᠢ ᠴᠢᠷᠮᠠᠶᠢᠨ ᠳᠡᠬᠡᠭᠰᠢᠯᠡᠬᠦᠯᠦᠨ᠎ᠡ᠃ | ᠪᠠᠶᠠᠨᠬᠤᠳᠠ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ ᠪᠠ ᠳᠠᠶᠢᠰᠢ ᠶᠢᠨ ᠪᠤᠳᠠᠰ ᠤᠨ ᠬᠦᠢᠯᠬᠡᠬᠡᠨ ᠤ | ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠂ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ | ᠨᠡᠬᠡᠬᠡᠯᠳᠡ ᠶᠢᠨ ᠤᠷᠤᠨ ᠤ ᠪᠤᠳᠠᠰ ᠤᠨ ᠬᠦᠢᠯᠬᠡᠬᠡᠨ ᠤ ᠬᠦᠷᠢᠶᠡᠯᠡᠩ ᠢ ᠡᠬᠢᠯᠡᠨ ᠪᠠᠶᠢᠭᠤᠯᠬᠤ ᠶᠢ ᠳᠦᠯᠬᠢᠨ | ᠠᠬᠢᠭᠤᠯᠵᠤ᠂ ᠭᠤᠤᠯ ᠴᠤᠭᠴᠠ ᠨᠢ ᠤᠯᠠᠨ ᠡᠰᠢᠵᠢᠭᠰᠡᠨ᠂ ᠳᠤᠬᠠᠶᠢᠯᠠᠭᠰᠠᠨ ᠠᠵᠢᠯ ᠨᠢ ᠤᠯᠠᠨ ᠶᠠᠩᠵᠤ ᠲᠠᠢ᠂ | ᠪᠠᠶᠢᠷᠢᠰᠢᠯ ᠨᠢ ᠵᠤᠬᠢᠰᠳᠠᠢ᠂ ᠦᠷᠢᠰᠦᠯᠳᠦᠬᠡᠨ ᠨᠢ ᠡᠮᠬᠢ ᠴᠡᠭᠴᠡ ᠲᠠᠢ ᠤᠳᠤᠬᠢᠴᠢᠯᠠᠭᠰᠠᠨ ᠪᠤᠳᠠᠰ ᠤᠨ ᠬᠦᠢᠯᠬᠡᠬᠡᠨ | ᠤ ᠳᠤᠤᠷᠵᠢᠯ ᠢ ᠴᠢᠷᠮᠠᠶᠢᠨ ᠪᠦᠷᠢᠯᠳᠦᠬᠦᠯᠦᠨ᠎ᠡ᠃ ᠢᠳᠡᠬᠡᠨ ᠤᠮᠳᠠᠭᠠᠨ᠂ ᠪᠠᠭᠤᠳᠠᠯ᠂ ᠨᠠᠭᠠᠳᠤᠮ ᠰᠡᠯᠡᠬᠦᠴᠡᠯ ᠵᠢᠴᠢ | ᠠᠳᠠᠯ ᠠᠬᠤᠢ ᠵᠡᠷᠬᠡ ᠤᠯᠠᠮᠵᠢᠯᠠᠯᠳᠤ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠢᠳᠡᠪᠬᠢᠳᠡᠢ ᠳᠡᠮᠵᠢᠨ᠎ᠡ᠃ | ᠴᠤᠭᠯᠠᠭ᠎ᠠ ᠮᠠᠶᠢᠮᠠᠢ ᠶᠢᠨ ᠵᠠᠬ᠎ᠠ ᠳᠡᠯᠬᠡᠬᠦᠷ ᠢ ᠦᠬᠡᠷᠡᠴᠢᠯᠡᠨ ᠵᠠᠰᠠᠵᠤ ᠳᠡᠬᠡᠭᠰᠢᠯᠡᠬᠦᠯᠬᠦ ᠢᠨᠵᠧᠨᠧᠷᠢᠩ ᠢ ᠬᠡᠷᠡᠭᠵᠢᠬᠦᠯᠵᠤ᠂ | ᠬᠤᠶᠠᠷ ᠬᠠᠭᠤᠴᠢᠨ ᠵᠠᠬ᠎ᠠ ᠳᠡᠯᠬᠡᠬᠦᠷ ᠲᠤ ᠳᠤᠰᠬᠠᠢ ᠵᠠᠰᠠᠨ ᠦᠬᠡᠷᠡᠴᠢᠯᠡᠯᠳᠡ ᠬᠢᠵᠤ᠂ ᠭᠡᠷᠡᠭᠯᠡᠭᠴᠢᠳ ᠤᠨ | ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠬᠡᠯᠪᠡᠷᠢ ᠶᠢᠨ ᠳᠤᠰᠬᠠᠢ ᠵᠠᠬ᠎ᠠ ᠳᠡᠯᠬᠡᠬᠦᠷ ᠢ ᠳᠦᠯᠦᠪᠯᠡᠨ ᠪᠦᠳᠦᠬᠡᠨ | ᠪᠠᠶᠢᠭᠤᠯᠤᠨ᠎ᠠ᠃《 ᠮᠢᠩᠭ᠎ᠠ ᠳᠦᠮᠡᠨ ᠬᠦᠳᠡᠭᠡ ᠳᠤᠰᠬᠤᠨ ᠤ ᠵᠠᠬ᠎ᠠ ᠳᠡᠯᠬᠡᠬᠦᠷ》 ᠤᠨ ᠢᠨᠵᠧᠨᠧᠷᠢᠩ᠂ ᠰᠢᠨ᠎ᠡ | ᠳᠤᠤᠷᠵᠢᠯ ᠤᠨ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂《 ᠳᠠᠷᠢᠶᠠᠴᠢᠳ ᠢ ᠬᠡᠳᠤ ᠳᠡᠯᠬᠡᠬᠦᠷ ᠲᠠᠢ | ᠬᠤᠯᠪᠤᠬᠤ》ᠪᠠ ᠢᠳᠡᠰᠢᠨ ᠨᠤᠭᠤᠭ᠎ᠠ ᠶᠢ ᠰᠢᠭᠤᠳ ᠪᠤᠷᠤᠯᠠᠭᠤᠯᠬᠤ ᠳᠡᠯᠬᠡᠬᠦᠷ ᠤᠨ ᠪᠦᠳᠦᠬᠡᠨ ᠪᠠᠶᠢᠭᠤᠯᠤᠯᠳᠠ ᠶᠢ | ᠠᠬᠢᠭᠤᠯᠤᠨ᠎ᠠ᠃ ᠰᠤᠮᠤ ᠪᠠᠯᠭᠠᠰᠤᠨ ᠠᠴᠠ ᠳᠠᠷᠢᠶᠠᠯᠠᠬᠤ ᠤᠷᠤᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠬᠡᠬᠦᠷ ᠢ | ᠪᠠᠶᠢᠭᠤᠯᠵᠤ ᠵᠠᠰᠠᠬᠤ ᠪᠠ ᠵᠠᠰᠠᠮᠠᠯ ᠵᠠᠮ ᠳᠠᠭᠠᠤ᠂ ᠱᠤᠭᠤᠮ ᠳᠠᠭᠠᠤ ᠦᠢᠯᠡᠴᠢᠯᠡᠬᠡᠨ ᠤ ᠦᠢᠯᠡᠰ ᠬᠦᠭᠵᠢᠬᠦᠯᠬᠦ ᠶᠢ | ᠳᠡᠮᠵᠢᠨ᠎ᠡ᠃ ᠠᠯᠠᠱᠠ ᠶᠢᠨ ᠬᠠᠴᠢᠨ ᠴᠢᠯᠠᠭᠤ ᠪᠠ ᠠᠯᠠᠱᠠ ᠬᠠᠰ ᠤᠨ ᠠᠵᠤ ᠦᠢᠯᠡᠰ ᠤᠨ ᠬᠦᠭᠵᠢᠯᠳᠡ ᠶᠢ | ᠢᠳᠡᠪᠬᠢᠳᠡᠢ ᠳᠡᠮᠵᠢᠵᠤ᠂ ᠠᠯᠠᠱᠠ ᠬᠠᠰ ᠤᠨ ᠪᠠᠷᠢᠮᠵᠢᠶ᠎ᠠ ᠶᠢ ᠳᠤᠭᠳᠠᠭᠠᠬᠤ ᠠᠵᠢᠯ ᠢ ᠳᠠᠭᠤᠰᠬᠠᠵᠤ᠂ ᠠᠯᠠᠱᠠ ᠶᠢᠨ | ᠬᠠᠴᠢᠨ ᠴᠢᠯᠠᠭᠤ ᠪᠠ ᠠᠯᠠᠱᠠ ᠬᠠᠰ ᠤᠨ ᠰᠤᠶᠤᠯ ᠤᠨ ᠠᠵᠤ ᠦᠢᠯᠡᠰ ᠤᠨ ᠬᠦᠭᠵᠢᠯᠳᠡ ᠰᠢᠨ᠎ᠡ ᠳᠡᠭᠳᠡᠷ ᠲᠤ | ᠭᠠᠷᠬᠤ ᠶᠢ ᠳᠦᠯᠬᠢᠨ ᠠᠬᠢᠭᠤᠯᠤᠨ᠎ᠠ᠃ ᠨᠢᠭᠳᠠᠯᠠᠨ ᠪᠤᠳᠤᠭᠴᠢ᠂ ᠬᠠᠤᠯᠢᠴᠢ᠂ ᠦᠨᠡᠯᠡᠨ ᠵᠢᠱᠢᠬᠦ ᠵᠡᠷᠬᠡ ᠡᠯ᠎ᠡ ᠵᠦᠢᠯ | ᠤᠨ ᠵᠠᠭᠤᠴᠢ ᠦᠢᠯᠡᠴᠢᠯᠡᠬᠡᠨ ᠤ ᠳᠤᠭᠳᠠᠴᠠ ᠶᠢ ᠢᠳᠡᠪᠬᠢᠳᠡᠢ ᠳᠠᠳᠠᠨ ᠤᠷᠤᠭᠤᠯᠵᠤ᠂ ᠭᠤᠷᠪᠠᠳᠠᠬᠢ ᠳᠠᠯ᠎ᠠ ᠶᠢᠨ | ᠦᠢᠯᠡᠴᠢᠯᠡᠬᠡᠨ ᠤ ᠠᠵᠤ ᠦᠢᠯᠡᠰ ᠢ ᠶᠡᠬᠡᠪᠡᠷ ᠬᠦᠭᠵᠢᠬᠦᠯᠦᠨ᠎ᠡ᠃ | 《 ᠵᠢᠭᠤᠯᠴᠢᠯᠠᠯ ᠤᠨ ᠳᠡᠮᠳᠡᠭ 》 ᠢ ᠦᠷᠬᠦᠯᠵᠢᠯᠡᠨ ᠰᠠᠶᠢᠳᠤᠷ ᠬᠦᠭᠵᠢᠬᠦᠯᠦᠨ᠎ᠡ᠃ ᠠᠯᠠᠱᠠ ᠬᠠᠰ · ᠬᠠᠴᠢᠨ | ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ᠂ ᠬᠡᠬᠡᠷ᠎ᠡ ᠳᠤᠭᠤᠯᠬᠤ e ᠬᠤᠯᠪᠤᠭᠠᠨ ᠤ ᠠᠯᠠᠱᠠ ᠳᠠᠬᠢ | ᠪᠠᠭᠠᠳᠤᠷᠴᠤᠳ ᠤᠨ ᠴᠤᠭᠯᠠᠭᠠᠨ ᠪᠠ ᠳᠡᠮᠡᠬᠡᠨ ᠤ ᠨᠠᠭᠠᠳᠤᠮ ᠤᠨ ᠬᠤᠷᠠᠯ ᠢ ᠰᠠᠶᠢᠳᠤᠷ ᠡᠷᠬᠢᠯᠡᠵᠤ᠂ ᠳᠤᠮᠳᠠᠳᠤ | ᠤᠯᠤᠰ ᠤᠨ ᠬᠡᠬᠡᠷᠡᠯᠡᠭᠴᠢ ᠮᠠᠰᠢᠨ ᠳᠡᠷᠬᠡᠨ ᠤ ᠳᠡᠰᠪᠦᠷᠢᠳᠤ ᠤᠷᠤᠯᠳᠤᠭᠠᠨ ᠢ ᠰᠠᠶᠢᠳᠤᠷ ᠳᠠᠭᠠᠭᠠᠨ ᠡᠷᠬᠢᠯᠡᠵᠤ᠂ | ᠤᠯᠠᠨ ᠤᠯᠤᠰ ᠤᠨ ᠮᠠᠰᠢᠨ ᠳᠡᠷᠬᠡᠨ ᠤ ᠳᠡᠰᠪᠦᠷᠢᠳᠤ ᠤᠷᠤᠯᠳᠤᠭᠠᠨ ᠢ ᠰᠠᠶᠢᠳᠤᠷ ᠪᠡᠯᠡᠳᠬᠡᠨ ᠡᠷᠬᠢᠯᠡᠨ᠎ᠡ᠃ | ᠠᠭᠠᠷ ᠤᠨ ᠠᠶᠠᠯᠠᠯ ᠤᠨ ᠪᠤᠯᠪᠠᠰᠤᠷᠠᠯ ᠤᠨ ᠰᠤᠷᠭᠠᠭᠤᠯᠢ᠂ ᠠᠭᠠᠷ ᠤᠨ ᠠᠶᠠᠯᠠᠯ ᠤᠨ ᠺᠯᠦ᠋ᠪ᠂ ᠬᠡᠬᠡᠷ᠎ᠡ ᠳᠤᠭᠤᠯᠬᠤ | e ᠬᠤᠯᠪᠤᠭᠠᠨ ᠤ ᠮᠠᠰᠢᠨ ᠳᠡᠷᠬᠡᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ᠵᠡᠷᠬᠡ ᠳᠦᠷᠦᠯ ᠵᠦᠢᠯ | ᠡᠷᠳᠡᠬᠡᠨ ᠪᠠᠶᠢᠭᠤᠯᠵᠤ ᠡᠬᠢᠯᠡᠬᠦ ᠶᠢ ᠠᠬᠢᠭᠤᠯᠤᠨ᠎ᠠ᠃ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ | ᠳᠦᠯᠦᠪᠵᠢᠬᠦᠯᠬᠡ ᠶᠢ ᠳᠡᠬᠦᠯᠳᠡᠷᠵᠢᠬᠦᠯᠵᠤ᠂ ᠱᠠᠰᠢᠨ ᠢ ᠪᠠᠳᠠᠷᠠᠭᠤᠯᠤᠭᠴᠢ ᠰᠦᠮ᠎ᠡ ᠶᠢᠨ ᠵᠢᠭᠤᠯᠴᠢᠯᠠᠯ ᠤᠨ | ᠦᠵᠡᠮᠵᠢ ᠶᠢᠨ ᠤᠷᠤᠨ ᠢ ᠦᠬᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠬᠦᠯᠵᠤ᠂ ᠪᠤᠶᠠᠨ ᠢ | ᠦᠨᠳᠦᠰᠦᠯᠡᠭᠴᠢ ᠰᠦᠮ᠎ᠡ ᠶᠢᠨ ᠵᠢᠭᠤᠯᠴᠢᠯᠠᠯ ᠤᠨ ᠤᠷᠤᠨ ᠢ ᠤᠯᠤᠰ ᠤᠨ 4A ᠳᠡᠰ ᠤᠨ ᠦᠵᠡᠮᠵᠢ ᠶᠢᠨ | ᠤᠷᠤᠨ ᠪᠤᠯᠭᠠᠬᠤ ᠪᠠᠷ ᠮᠡᠳᠡᠬᠦᠯᠬᠦ ᠠᠵᠢᠯ ᠢ ᠢᠳᠡᠪᠬᠢᠳᠡᠢ ᠦᠷᠨᠢᠬᠦᠯᠵᠤ᠂ ᠳᠤᠩᠬᠤ ᠨᠠᠭᠤᠷ᠂ ᠤᠯᠠᠭᠠᠨ ᠨᠠᠭᠤᠷ᠂ | ᠬᠠᠯᠳᠠᠷ ᠨᠠᠭᠤᠷ᠂ ᠤᠯᠠᠨᠪᠤᠯᠠᠭ ᠤᠨ ᠦᠵᠡᠮᠵᠢ ᠶᠢᠨ ᠤᠷᠤᠨ ᠤ ᠰᠠᠭᠤᠷᠢ ᠳᠦᠬᠦᠬᠡᠷᠦᠮᠵᠢ ᠪᠠ ᠦᠢᠯᠡᠴᠢᠯᠡᠬᠡᠨ ᠤ | ᠴᠢᠳᠠᠪᠬᠢ ᠶᠢ ᠦᠷᠬᠦᠯᠵᠢᠯᠡᠨ ᠳᠡᠬᠦᠯᠳᠡᠷᠵᠢᠬᠦᠯᠵᠤ᠂ ᠤᠶᠢᠷ᠎ᠠ ᠬᠠᠪᠢ ᠶᠢᠨ ᠭᠠᠵᠠᠷ ᠤᠷᠤᠨ ᠯᠤᠭ᠎ᠠ ᠶᠢᠨ ᠵᠢᠭᠤᠯᠴᠢᠯᠠᠯ | ᠤᠨ ᠬᠠᠮᠳᠤᠷᠠᠯᠴᠠᠭ᠎ᠠ ᠪᠠᠨ ᠴᠢᠩᠭᠠᠳᠬᠠᠵᠤ᠂ ᠵᠢᠭᠤᠯᠴᠢᠯᠠᠯ ᠤᠨ ᠰᠢᠵᠢᠷ ᠵᠠᠮ ᠪᠠ ᠰᠤᠳᠤᠨ ᠱᠤᠭᠤᠮ ᠢ ᠬᠠᠮᠳᠤᠪᠠᠷ | ᠡᠬᠦᠳᠦᠨ᠎ᠡ᠃ ᠬᠠᠭᠤᠴᠢᠨ ᠪᠠᠷᠢᠯᠭ᠎ᠠ ᠶᠢᠨ ᠬᠠᠮᠠᠭᠠᠯᠠᠯᠳᠠ ᠶᠢᠨ ᠡᠷᠴᠢᠮ ᠢᠶᠠᠨ ᠨᠡᠮᠡᠭᠳᠡᠬᠦᠯᠵᠤ᠂ ᠪᠤᠶᠠᠨ ᠢ | ᠠᠷᠪᠢᠳᠬᠠᠭᠴᠢ ᠰᠦᠮ᠎ᠡ ᠶᠢ ᠬᠠᠮᠠᠭᠠᠯᠠᠵᠤ ᠰᠡᠯᠪᠢᠨ ᠵᠠᠰᠠᠬᠤ ᠶᠢ ᠪᠡᠶᠡᠯᠡᠬᠦᠯᠦᠨ᠎ᠡ᠃《 ᠨᠤᠮᠢᠨ ᠳᠠᠯᠠᠢ ᠮᠠᠯᠴᠢᠨ ᠤ | ᠳᠠᠭᠤᠯᠠᠯ》 ᠤᠯᠠᠨᠪᠤᠯᠠᠭ ᠤᠨ ᠠᠮᠢ ᠠᠬᠤᠢ ᠶᠢᠨ ᠵᠢᠭᠤᠯᠴᠢᠯᠠᠯ ᠠᠮᠠᠷᠠᠯᠳᠠ ᠶᠢᠨ ᠤᠷᠤᠨ ᠤ ᠪᠦᠳᠦᠬᠡᠨ | ᠪᠠᠶᠢᠭᠤᠯᠤᠯᠳᠠ ᠶᠢ ᠠᠬᠢᠭᠤᠯᠵᠤ᠂ ᠰᠢᠨ᠎ᠡ ᠵᠢᠭᠤᠯᠴᠢᠯᠠᠯ ᠤᠨ ᠦᠵᠡᠮᠵᠢ ᠶᠢᠨ ᠤᠷᠤᠨ ᠢ ᠪᠤᠢ ᠪᠤᠯᠭᠠᠨ᠎ᠠ᠃ | ᠦᠨᠳᠦᠰᠦᠳᠡᠨ᠂ ᠠᠷᠠᠳ ᠤᠨ ᠵᠠᠩ ᠦᠢᠯᠡ ᠰᠤᠶᠤᠯ ᠤᠨ ᠡᠬᠦᠰᠦᠮᠡᠯ ᠵᠦᠢᠯ ᠪᠠ ᠵᠢᠭᠤᠯᠴᠢᠯᠠᠯ ᠤᠨ | ᠪᠦᠳᠦᠬᠡᠭᠳᠡᠬᠦᠨ ᠢ ᠨᠡᠬᠡᠬᠡᠨ ᠬᠦᠭᠵᠢᠬᠦᠯᠬᠦ ᠶᠢ ᠳᠦᠷᠬᠡᠳᠬᠡᠨ᠂ ᠤᠬᠠᠭᠤᠯᠵᠤ ᠡᠵᠡᠩᠨᠡᠨ ᠪᠤᠷᠤᠯᠠᠭᠤᠯᠬᠤ ᠬᠡᠯᠪᠡᠷᠢ | ᠪᠠᠨ ᠰᠢᠨᠡᠳᠬᠡᠨ᠂ ᠵᠢᠭᠤᠯᠴᠢᠯᠠᠯ ᠤᠨ ᠦᠢᠯᠡᠰ ᠤᠨ ᠬᠦᠭᠵᠢᠯᠳᠡ ᠶᠢᠨ ᠪᠠᠭᠤᠷᠠᠢ ᠳᠠᠯ᠎ᠠ ᠪᠠᠨ ᠨᠦᠬᠦᠪᠦᠷᠢᠯᠡᠨ᠎ᠡ᠃ | ᠤᠨᠴᠠᠯᠢᠭᠳᠤ ᠮᠠᠯᠴᠢᠨ ᠳᠠᠷᠢᠶᠠᠴᠢᠨ ᠠᠶᠢᠯ ᠤᠨ ᠵᠢᠭᠤᠯᠴᠢᠯᠠᠯ ᠤᠨ ᠬᠦᠭᠵᠢᠯᠳᠡ ᠶᠢ ᠳᠡᠮᠵᠢᠵᠤ᠂ ᠳᠠᠷᠢᠶᠠᠴᠢᠨ ᠠᠶᠢᠯ | ᠤᠨ ᠪᠠᠶᠠᠰᠤᠯ᠂ ᠮᠠᠯᠴᠢᠨ ᠠᠶᠢᠯ ᠤᠨ ᠵᠢᠭᠤᠯᠴᠢᠯᠠᠯ ᠤᠨ ᠬᠠᠮᠢᠶᠠᠷᠤᠯᠳᠠ ᠪᠠᠨ ᠳᠦᠷᠢᠮᠵᠢᠬᠦᠯᠦᠨ᠂《 ᠬᠤᠱᠤᠳ | ᠮᠤᠩᠭᠤᠯ ᠠᠶᠢᠯ ᠤᠨ ᠵᠢᠭᠤᠯᠴᠢᠯᠠᠯ》 ᠤᠨ ᠨᠡᠷᠡᠳᠤ ᠳᠡᠮᠳᠡᠭ ᠢ ᠪᠤᠢ ᠪᠤᠯᠭᠠᠨ᠎ᠠ᠃ | ᠭᠠᠳᠠᠭᠠᠳᠤ ᠰᠤᠯᠢᠯᠴᠠᠭ᠎ᠠ ᠬᠠᠮᠳᠤᠷᠠᠯᠴᠠᠭᠠᠨ ᠤ ᠬᠢᠷᠢ ᠳᠦᠪᠰᠢᠨ ᠢᠶᠠᠨ ᠳᠡᠬᠡᠭᠰᠢᠯᠡᠬᠦᠯᠦᠨ᠎ᠡ᠃ ᠤᠶᠢᠷ᠎ᠠ ᠵᠡᠷᠬᠡᠯᠳᠡᠭᠡ | ᠭᠠᠵᠠᠷ ᠤᠷᠤᠨ ᠯᠤᠭ᠎ᠠ ᠶᠢᠨ ᠠᠵᠤ ᠠᠬᠤᠢ᠂ ᠰᠤᠶᠤᠯ ᠵᠡᠷᠬᠡ ᠡᠯ᠎ᠡ ᠳᠠᠯ᠎ᠠ ᠪᠠᠷ ᠬᠢ ᠰᠤᠯᠢᠯᠴᠠᠭ᠎ᠠ ᠬᠠᠮᠳᠤᠷᠠᠯᠴᠠᠭ᠎ᠠ | ᠪᠠᠨ ᠴᠢᠩᠭᠠᠳᠬᠠᠵᠤ᠂ ᠰᠢᠨ᠎ᠡ ᠳᠤᠷᠭᠠᠨ ᠵᠠᠮ ᠤᠨ ᠠᠵᠤ ᠠᠬᠤᠢ ᠶᠢᠨ ᠪᠦᠰᠡ ᠲᠠᠢ ᠢᠳᠡᠪᠬᠢᠳᠡᠢ ᠤᠶᠠᠯᠳᠤᠨᠠ᠃ | ᠦᠯᠵᠡᠢ — ᠴᠠᠭᠠᠨ ᠳᠡᠯ ᠠᠭᠤᠯᠠ ᠪᠤᠭᠤᠮᠳᠠ ᠶᠢ ᠨᠡᠬᠡᠬᠡᠭᠳᠡᠬᠦᠯᠬᠦ ᠪᠠᠷ ᠭᠤᠶᠤᠴᠢᠯᠠᠨ ᠮᠡᠳᠡᠬᠦᠯᠬᠦ ᠠᠵᠢᠯ ᠢ | ᠬᠦᠴᠦᠳᠡᠢ ᠠᠬᠢᠭᠤᠯᠵᠤ᠂ ᠨᠡᠩ ᠢᠳᠡᠪᠬᠢᠳᠡᠢ ᠬᠦᠴᠦᠨ ᠪᠦᠬᠦᠢ ᠠᠷᠭ᠎ᠠ ᠬᠡᠮᠵᠢᠶ᠎ᠠ ᠠᠪᠴᠤ᠂ ᠪᠤᠭᠤᠮᠳᠠ ᠶᠢ | ᠭᠤᠶᠤᠴᠢᠯᠠᠨ ᠮᠡᠳᠡᠬᠦᠯᠬᠦ ᠱᠠᠳᠤᠨ ᠠᠴᠠ ᠪᠦᠳᠦᠬᠡᠨ ᠪᠠᠶᠢᠭᠤᠯᠬᠤ ᠱᠠᠳᠤᠨ ᠳᠤ ᠤᠷᠤᠭᠤᠯᠬᠤ ᠶᠢ ᠠᠬᠢᠭᠤᠯᠤᠨ᠂ | ᠮᠠᠨ ᠤ ᠬᠤᠰᠢᠭᠤ ᠪᠠᠨ ᠤᠮᠠᠷᠠᠰᠢ ᠨᠡᠬᠡᠬᠡᠯᠳᠡ ᠬᠢᠬᠦ ᠴᠢᠬᠤᠯᠠ ᠪᠠᠬᠢᠯᠡᠯᠳᠡ ᠪᠤᠯᠭᠠᠨ ᠪᠦᠳᠦᠬᠡᠨ ᠪᠠᠶᠢᠭᠤᠯᠬᠤ ᠪᠠᠷ | ᠴᠢᠷᠮᠠᠶᠢᠨ᠎ᠠ᠃ ᠳᠤᠮᠳᠠᠳᠤ ᠮᠤᠩᠭᠤᠯ ᠤᠨ ᠤᠷᠴᠢᠯᠳᠤ ᠠᠵᠤ ᠠᠬᠤᠢ ᠶᠢᠨ ᠠᠵᠤ ᠦᠢᠯᠡᠰ ᠤᠨ ᠲᠤᠭᠤᠷᠢᠭ ᠢ | ᠳᠦᠯᠦᠪᠵᠢᠬᠦᠯᠦᠨ ᠪᠦᠳᠦᠬᠡᠨ ᠪᠠᠶᠢᠭᠤᠯᠬᠤ ᠪᠠᠨ ᠲᠦᠷᠭᠡᠳᠬᠡᠨ ᠠᠬᠢᠭᠤᠯᠵᠤ᠂ ᠣᠯᠣᠰ ᠤᠨ ᠶᠡᠷᠦᠩᠬᠡᠶᠢᠯᠡᠭᠰᠡᠨ | ᠭᠠᠶᠢᠯᠢ ᠪᠠᠳᠤᠯᠠᠬᠤ ᠤᠷᠤᠨ ᠢ ᠪᠠᠶᠢᠭᠤᠯᠬᠤ ᠡᠯ᠎ᠡ ᠳᠦᠷᠦᠯ ᠤᠨ ᠡᠮᠦᠨᠡᠬᠢ ᠬᠤᠭᠤᠴᠠᠭᠠᠨ ᠤ ᠠᠵᠢᠯ ᠢ | ᠦᠷᠨᠢᠬᠦᠯᠦᠨ᠂ ᠪᠠᠷᠠᠭᠤᠨ ᠤᠷᠤᠨ ᠤ ᠴᠢᠬᠤᠯᠠ ᠳᠡᠮᠦᠷᠯᠢᠭ ᠬᠠᠶᠢᠯᠤᠭᠤᠯᠬᠤ᠂ ᠳᠤᠨᠤᠭᠯᠠᠯ ᠦᠢᠯᠡᠳᠬᠦ᠂ ᠰᠢᠨ᠎ᠡ | ᠬᠡᠯᠪᠡᠷᠢ ᠶᠢᠨ ᠨᠡᠬᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠢ ᠪᠤᠢ ᠪᠤᠯᠭᠠᠨ᠎ᠠ᠃ | ︵ᠳᠠᠪᠤ︶ ᠬᠤᠳᠠ ᠬᠦᠳᠡᠭᠡ ᠶᠢ ᠨᠢᠬᠡᠳᠦᠯᠳᠡᠢ ᠳᠦᠯᠦᠪᠵᠢᠬᠦᠯᠬᠦ ᠶᠢ ᠴᠢᠬᠤᠯᠠᠴᠢᠯᠠᠵᠤ᠂ ᠰᠠᠭᠤᠷᠢᠰᠢᠬᠤ | ᠵᠢᠭᠤᠯᠴᠢᠯᠠᠬᠤ ᠳᠤ ᠳᠤᠬᠢᠷᠠᠮᠵᠢᠳᠠᠢ ᠬᠤᠳᠠ ᠶᠢ ᠳᠦᠷᠬᠡᠳᠬᠡᠨ ᠪᠠᠶᠢᠭᠤᠯᠤᠨ᠎ᠠ᠃ | ᠤᠯᠤᠰ᠂ ᠦᠪᠡᠷᠳᠡᠬᠡᠨ ᠵᠠᠰᠬᠠᠤ ᠤᠷᠤᠨ ᠠᠴᠠ ᠰᠢᠨ᠎ᠡ ᠬᠡᠯᠪᠡᠷᠢ ᠶᠢᠨ ᠬᠤᠳᠠ ᠪᠠᠯᠭᠠᠰᠤᠵᠢᠯᠳᠠ ᠶᠢᠨ ᠠᠬᠢᠴᠠ ᠶᠢ | ᠳᠦᠷᠬᠡᠳᠬᠡᠬᠦ ᠠᠰᠢᠭᠳᠠᠢ ᠳᠤᠬᠢᠶᠠᠯ ᠢ ᠠᠳᠬᠤᠵᠤ᠂ ᠬᠤᠳᠠ ᠬᠦᠳᠡᠭᠡ ᠶᠢᠨ ᠬᠦᠭᠵᠢᠯᠳᠡ ᠶᠢ ᠨᠢᠬᠡᠳᠦᠯᠳᠡᠢ | ᠳᠦᠯᠦᠪᠵᠢᠬᠦᠯᠬᠦ ᠳᠡᠬᠡᠷ᠎ᠡ ᠬᠦᠴᠦ ᠪᠠᠨ ᠳᠠᠯᠪᠢᠵᠤ᠂ ᠬᠤᠳᠠ ᠪᠠᠯᠭᠠᠰᠤᠵᠢᠯᠳᠠ ᠶᠢᠨ ᠬᠦᠭᠵᠢᠯᠳᠡ ᠶᠢᠨ ᠬᠢᠷᠢ | ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ | ᠬᠤᠳᠠ ᠪᠠᠯᠭᠠᠰᠤᠨ ᠤ ᠳᠦᠯᠦᠪᠵᠢᠬᠦᠯᠬᠡ ᠶᠢᠨ ᠬᠢᠷᠢ ᠳᠦᠪᠰᠢᠨ ᠢᠶᠠᠨ ᠳᠡᠬᠡᠭᠰᠢᠯᠡᠬᠦᠯᠦᠨ᠎ᠡ᠃《 ᠪᠠᠶᠠᠨᠬᠤᠳᠠ ᠶᠢᠨ | ᠬᠤᠳᠠ ᠶᠢᠨ ᠵᠢᠷᠤᠭ ᠳᠦᠯᠦᠪᠯᠡᠭᠡ》᠂《 ᠠᠯᠠᠱᠠ ᠵᠡᠬᠦᠨ ᠬᠤᠰᠢᠭᠤᠨ ᠤ ᠵᠠᠮ ᠳᠠᠭᠠᠤ ᠠᠵᠤ ᠠᠬᠤᠢ ᠶᠢᠨ | ᠬᠦᠭᠵᠢᠯᠳᠡ ᠶᠢᠨ ᠳᠦᠯᠦᠪᠵᠢᠬᠦᠯᠬᠡ》 ᠶᠢ ᠨᠠᠶᠢᠷᠠᠭᠤᠯᠬᠤ ᠠᠵᠢᠯ ᠢ ᠳᠠᠭᠤᠰᠬᠠᠵᠤ᠂《 ᠠᠯᠠᠱᠠ ᠵᠡᠬᠦᠨ ᠬᠤᠰᠢᠭᠤᠨ | ᠤ ᠨᠤᠭᠤᠭᠠᠷᠠᠭᠤᠯᠤᠯᠳᠠ ᠶᠢᠨ ᠳᠤᠰᠬᠠᠢ ᠳᠦᠯᠦᠪᠵᠢᠬᠦᠯᠬᠡ》ᠵᠢᠴᠢ ᠡᠯ᠎ᠡ ᠰᠤᠮᠤ ᠪᠠᠯᠭᠠᠰᠤᠨ ᠤ ᠶᠡᠷᠦᠩᠬᠡᠢ | ᠳᠦᠯᠦᠪᠵᠢᠬᠦᠯᠬᠡ ᠶᠢ ᠨᠠᠶᠢᠷᠠᠭᠤᠯᠬᠤ᠂ ᠵᠠᠰᠠᠪᠤᠷᠢ ᠤᠷᠤᠭᠤᠯᠬᠤ ᠠᠵᠢᠯ ᠢ ᠡᠬᠢᠯᠡᠬᠦᠯᠵᠤ᠂ ᠰᠢᠨᠵᠢᠯᠡᠬᠦ ᠤᠬᠠᠭᠠᠨᠴᠢ | ᠵᠦᠢ ᠵᠤᠬᠢᠰᠳᠠᠢ ᠬᠤᠳᠠ ᠬᠦᠳᠡᠭᠡ ᠶᠢᠨ ᠬᠦᠭᠵᠢᠯᠳᠡ ᠶᠢᠨ ᠪᠠᠶᠢᠷᠢᠰᠢᠯᠳᠠ ᠶᠢ ᠪᠦᠷᠢᠯᠳᠦᠬᠦᠯᠬᠦ ᠪᠠᠷ ᠴᠢᠷᠮᠠᠶᠢᠨ᠎ᠠ᠃ | ᠬᠤᠳᠠ ᠪᠠᠯᠭᠠᠰᠤᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠳᠦᠪᠰᠢᠨ ᠢᠶᠠᠨ ᠴᠢᠩᠭᠠᠳᠬᠠᠨ᠎ᠠ᠃ | ᠰᠢᠨᠵᠢᠯᠡᠬᠦ ᠤᠬᠠᠭᠠᠨᠴᠢ ᠪᠠᠷ ᠬᠦᠭᠵᠢᠬᠦᠯᠬᠦ᠂ ᠤᠶᠤᠨᠴᠢ ᠪᠠᠷ ᠪᠠᠶᠢᠭᠤᠯᠬᠤ ᠶᠢ ᠪᠠᠷᠢᠮᠳᠠᠯᠠᠵᠤ᠂ ᠳᠦᠪ ᠬᠤᠳᠠ | ᠪᠠᠯᠭᠠᠰᠤ ᠪᠠ ᠪᠠᠶᠢᠭᠤᠯᠤᠮᠵᠢᠳᠤ ᠪᠠᠯᠭᠠᠰᠤ ᠵᠤᠬᠢᠴᠠᠯᠳᠤᠨ ᠬᠦᠭᠵᠢᠬᠦ ᠶᠢ ᠠᠬᠢᠭᠤᠯᠵᠤ᠂ ᠰᠠᠭᠤᠷᠢᠰᠢᠬᠤ ᠵᠢᠭᠤᠯᠴᠢᠯᠠᠬᠤ | ᠳᠤ ᠳᠤᠬᠢᠷᠠᠮᠵᠢᠳᠠᠢ ᠬᠤᠳᠠ ᠶᠢ ᠪᠠᠶᠢᠭᠤᠯᠤᠨ᠎ᠠ᠃ 2014 ᠤᠨ ᠳᠤ᠂ ᠬᠤᠳᠠ ᠶᠢᠨ ᠪᠦᠳᠦᠬᠡᠨ | ᠪᠠᠶᠢᠭᠤᠯᠤᠯᠳᠠ ᠶᠢᠨ 45 ᠭᠤᠤᠯᠳᠠᠯᠭ᠎ᠠ ᠲᠠᠢ ᠳᠦᠷᠦᠯ ᠵᠦᠢᠯ ᠢ ᠬᠡᠷᠡᠭᠵᠢᠬᠦᠯᠦᠨ᠂ 152.2 ᠳ᠋ᠦᠩᠰᠢᠭᠤᠷ | ᠳᠦᠬᠦᠷᠢᠭ ᠤᠨ ᠪᠡᠯᠡ ᠤᠷᠤᠭᠤᠯᠤᠨ᠂ ᠡᠬᠦᠨ ᠳᠤ ᠵᠠᠰᠠᠭ ᠤᠨ ᠤᠷᠳᠤᠨ ᠠᠴᠠ 40.3 ᠳ᠋ᠦᠩᠰᠢᠭᠤᠷ ᠳᠦᠬᠦᠷᠢᠭ | ᠪᠡᠯᠡ ᠤᠷᠤᠭᠤᠯᠤᠨ᠎ᠠ᠃ ᠪᠠᠶᠠᠨᠬᠤᠳᠠ ᠶᠢᠨ ᠬᠤᠳᠠ ᠶᠢᠨ ᠳᠤᠭᠤᠷᠢᠭ ᠤᠨ ᠨᠤᠭᠤᠭᠠᠷᠠᠭᠤᠯᠤᠯᠳᠠ᠂ ᠬᠤᠯᠠᠳᠠᠬᠢᠨ ᠢ | ᠳᠤᠭᠳᠠᠭᠠᠭᠴᠢ ᠬᠤᠷᠢᠶ᠎ᠠ ᠶᠢᠨ ᠬᠤᠶᠠᠳᠤᠭᠠᠷ ᠬᠤᠭᠤᠴᠠᠭ᠎ᠠ᠂ ᠬᠠᠭᠤᠴᠢᠨ ᠬᠤᠳᠠ ᠶᠢᠨ ᠬᠡᠷ ᠪᠠᠷᠢᠯᠭ᠎ᠠ ᠶᠢ | ᠦᠬᠡᠷᠡᠴᠢᠯᠡᠬᠦ ᠪᠠ ᠤᠳᠤᠬᠠᠨ ᠤ ᠪᠠᠷᠢᠯᠭ᠎ᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ ᠵᠡᠷᠬᠡ ᠢᠨᠵᠧᠨᠧᠷᠢᠩ ᠢ | ᠦᠷᠬᠦᠯᠵᠢᠯᠡᠨ ᠬᠡᠷᠡᠭᠵᠢᠬᠦᠯᠵᠤ᠂ ᠨᠤᠭᠤᠭᠠᠷᠠᠭᠤᠯᠤᠯᠳᠠ ᠶᠢᠨ ᠳᠠᠯᠠᠪᠠᠢ ᠶᠢ 376 ᠳᠦᠮᠡᠨ ᠳᠡᠭᠰᠢ ᠳᠦᠷᠪᠡᠯᠵᠢᠨ | ᠮᠧᠲᠷ ᠰᠢᠨ᠎ᠡ ᠪᠠᠷ ᠨᠡᠮᠡᠭᠳᠡᠬᠦᠯᠦᠨ᠎ᠡ᠃ 200 ᠢᠵᠢ ᠨᠡᠶᠢᠳᠡ ᠶᠢᠨ ᠳᠦᠷᠢᠶᠡᠰᠦᠨ ᠬᠡᠷ ᠪᠠᠶᠢᠰᠢᠩ ᠢ ᠡᠬᠢᠯᠡᠵᠤ | ᠪᠦᠳᠦᠬᠡᠨ ᠪᠠᠶᠢᠭᠤᠯᠵᠤ᠂ ᠬᠤᠳᠠ ᠶᠢᠨ ᠪᠦᠷᠬᠡ ᠬᠡᠷ ᠤᠨ ᠤᠷᠤᠨ ᠤ 572 ᠡᠷᠦᠬᠡ ᠶᠢ ᠦᠬᠡᠷᠡᠴᠢᠯᠡᠨ ᠵᠠᠰᠠᠨ᠎ᠠ᠃ | ᠦᠪᠡᠷᠳᠡᠬᠡᠨ ᠵᠠᠰᠠᠬᠤ ᠤᠷᠤᠨ ᠤ ᠳᠡᠰ ᠤᠨ ᠰᠤᠶᠤᠯ ᠤᠨ ᠠᠵᠤ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ ᠢ | ᠪᠦᠳᠦᠬᠡᠨ ᠪᠠᠶᠢᠭᠤᠯᠬᠤ ᠪᠠᠷ ᠬᠠᠷᠠᠯᠳᠠ ᠪᠤᠯᠭᠠᠵᠤ᠂ ᠠᠯᠠᠱᠠ ᠶᠢᠨ ᠭᠤᠪᠢ ᠶᠢᠨ ᠬᠠᠴᠢᠨ ᠴᠢᠯᠠᠭᠤᠨ ᠤ ᠰᠤᠶᠤᠯ ᠤᠨ | ᠠᠵᠤ ᠦᠢᠯᠡᠰ ᠤᠨ ᠬᠦᠷᠢᠶᠡᠯᠡᠩ ᠢ ᠪᠦᠳᠦᠬᠡᠨ ᠪᠠᠶᠢᠭᠤᠯᠬᠤ ᠪᠠᠨ ᠳᠦᠷᠬᠡᠳᠬᠡᠵᠤ᠂ ᠨᠢᠬᠡᠳᠦᠬᠡᠷ ᠬᠤᠭᠤᠴᠠᠭᠠᠨ ᠤ | ᠢᠨᠵᠧᠨᠧᠷᠢᠩ ᠢ ᠵᠢᠯ ᠤᠨ ᠳᠤᠳᠤᠷ᠎ᠠ ᠳᠠᠭᠤᠰᠬᠠᠬᠤ ᠪᠠᠷ ᠴᠢᠷᠮᠠᠶᠢᠨ᠎ᠠ᠃ ᠤᠰᠤ ᠬᠠᠩᠭᠠᠬᠤ᠂ ᠳᠤᠯᠠᠭᠠᠯᠭ᠎ᠠ ᠬᠠᠩᠭᠠᠬᠤ | ᠬᠤᠭᠤᠯᠠᠢ ᠶᠢᠨ ᠳᠤᠤᠷ ᠤᠨ ᠪᠦᠳᠦᠬᠡᠨ ᠪᠠᠶᠢᠭᠤᠯᠤᠯᠳᠠ ᠵᠢᠴᠢ ᠦᠬᠡᠷᠡᠴᠢᠯᠡᠨ ᠵᠠᠰᠠᠬᠤ ᠢᠨᠵᠧᠨᠧᠷᠢᠩ ᠢ ᠠᠯᠬᠤᠮ | ᠳᠠᠷᠠᠭ᠎ᠠ ᠲᠠᠢ ᠠᠬᠢᠭᠤᠯᠵᠤ᠂ ᠬᠤᠳᠠ ᠬᠦᠳᠡᠭᠡ ᠶᠢᠨ ᠤᠰᠤ ᠬᠠᠩᠭᠠᠬᠤ᠂ ᠳᠤᠯᠠᠭᠠᠯᠭ᠎ᠠ ᠬᠠᠩᠭᠠᠬᠤ ᠰᠠᠭᠤᠷᠢ | ᠨᠦᠬᠦᠴᠡᠯ ᠢ ᠰᠠᠶᠢᠵᠢᠷᠠᠭᠤᠯᠤᠨ᠎ᠠ᠃ ᠤᠷᠴᠢᠨ ᠳᠤᠭᠤᠷᠢᠨ ᠤ ᠠᠷᠢᠭᠤᠨ ᠴᠡᠪᠡᠷ ᠤᠨ ᠳᠦᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠶᠢ ᠳᠦᠷᠬᠡᠳᠬᠡᠨ᠂ ᠬᠤᠳᠠ ᠶᠢᠨ ᠶᠡᠷᠦᠩᠬᠡᠢ ᠴᠡᠭᠴᠡᠯᠡᠯᠳᠡ ᠶᠢ ᠴᠢᠩᠭᠠᠳᠬᠠᠵᠤ᠂ ᠬᠤᠳᠠ ᠶᠢᠨ | ᠴᠢᠳᠠᠪᠬᠢ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠤᠨ᠂ ᠬᠤᠳᠠ ᠶᠢᠨ ᠬᠠᠮᠢᠶᠠᠷᠤᠯᠳᠠ ᠶᠢᠨ ᠴᠢᠳᠠᠪᠬᠢ ᠶᠢ | ᠳᠡᠬᠡᠭᠰᠢᠯᠡᠬᠦᠯᠵᠤ᠂ ᠬᠤᠳᠠ ᠶᠢᠨ ᠴᠢᠨᠠᠷ ᠳᠡᠰ ᠢ ᠳᠡᠬᠡᠭᠰᠢᠯᠡᠬᠦᠯᠦᠨ᠎ᠡ᠃ ᠭᠤᠤᠯᠳᠠᠯᠭ᠎ᠠ ᠲᠠᠢ ᠪᠠᠶᠢᠭᠤᠯᠤᠮᠵᠢᠳᠤ | ᠪᠠᠯᠭᠠᠰᠤ ᠪᠠ ᠵᠠᠮ ᠬᠠᠷᠢᠯᠴᠠᠭᠠᠨ ᠤ ᠭᠤᠤᠯ ᠱᠤᠭᠤᠮ ᠳᠠᠭᠠᠤ ᠰᠤᠮᠤ ᠪᠠᠯᠭᠠᠰᠤᠨ ᠤ ᠰᠠᠭᠤᠷᠢ ᠳᠦᠬᠦᠬᠡᠷᠦᠮᠵᠢ ᠶᠢᠨ | ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠵᠤ᠂ ᠤᠷᠴᠢᠨ ᠳᠤᠭᠤᠷᠢᠨ ᠢ ᠶᠡᠷᠦᠩᠬᠡᠶᠢᠯᠡᠨ ᠵᠠᠰᠠᠬᠤ ᠪᠠ ᠤᠯᠤᠰ ᠢᠶᠠᠨ | ᠬᠠᠶᠢᠷᠠᠯᠠᠬᠤ ᠡᠷᠡᠬᠦᠯ ᠬᠠᠮᠠᠭᠠᠯᠠᠯ ᠤᠨ ᠬᠦᠳᠡᠯᠬᠡᠬᠡᠨ ᠢ ᠶᠡᠬᠡᠪᠡᠷ ᠦᠷᠨᠢᠬᠦᠯᠵᠤ᠂ ᠬᠤᠳᠠ ᠬᠦᠳᠡᠭᠡ ᠶᠢᠨ ᠳᠦᠷᠰᠦ | ᠪᠠᠶᠢᠳᠠᠯ ᠢ ᠮᠡᠳᠡᠭᠳᠡᠮ᠎ᠡ ᠰᠠᠶᠢᠵᠢᠷᠠᠭᠤᠯᠤᠨ᠎ᠠ᠃ ᠪᠠᠶᠠᠨᠬᠤᠳᠠ ᠪᠠᠯᠭᠠᠰᠤ᠂ ᠵᠢᠷᠠᠳᠠᠢ ᠪᠠᠯᠭᠠᠰᠤ᠂ ᠤᠯᠠᠨᠪᠤᠯᠠᠭ ᠪᠠᠯᠭᠠᠰᠤ | ᠂ ᠵᠢᠷᠭᠠᠯᠰᠠᠶᠢᠬᠠᠨ ᠪᠠᠯᠭᠠᠰᠤ᠂ ᠤᠰᠤᠳᠠᠢ ᠪᠠᠯᠭᠠᠰᠤ ᠶᠢ ᠤᠯᠤᠰ ᠤᠨ ᠳᠡᠰ ᠤᠨ ᠭᠤᠤᠯᠳᠠᠯᠭ᠎ᠠ ᠲᠠᠢ ᠬᠤᠳᠠ | ᠪᠠᠯᠭᠠᠰᠤ ᠪᠤᠯᠭᠠᠬᠤ ᠪᠠᠷ ᠴᠢᠷᠮᠠᠶᠢᠨ᠂ ᠪᠤᠰᠤᠳ ᠪᠠᠶᠢᠭᠤᠯᠤᠮᠵᠢᠳᠤ ᠪᠠᠯᠭᠠᠰᠤ ᠶᠢ ᠦᠪᠡᠷᠳᠡᠬᠡᠨ ᠵᠠᠰᠬᠤ ᠤᠷᠤᠨ ᠤ | ᠳᠡᠰ ᠤᠨ ᠭᠤᠤᠯᠳᠠᠯᠭ᠎ᠠ ᠲᠠᠢ ᠬᠤᠳᠠ ᠪᠠᠯᠭᠠᠰᠤ ᠪᠤᠯᠭᠠᠬᠤ ᠪᠠᠷ ᠭᠤᠶᠤᠴᠢᠯᠠᠨ ᠮᠡᠳᠡᠬᠦᠯᠦᠨ᠎ᠡ᠃ | ︵ᠵᠢᠷᠭᠤᠭ᠎ᠠ︶ ᠠᠮᠢ ᠠᠬᠤᠢ ᠶᠢᠨ ᠪᠤᠯᠪᠠᠰᠤᠨ ᠤ ᠪᠦᠳᠦᠬᠡᠨ ᠪᠠᠶᠢᠭᠤᠯᠤᠯᠳᠠ ᠶᠢ ᠯᠠᠪᠳᠠᠭᠤᠨ ᠢᠶᠠᠷ ᠳᠦᠯᠬᠢᠨ | ᠠᠬᠢᠭᠤᠯᠵᠤ᠂ ᠦᠵᠡᠰᠬᠦᠯᠡᠩᠳᠤ ᠠᠯᠠᠱᠠ ᠵᠡᠬᠦᠨ ᠬᠤᠰᠢᠭᠤ ᠶᠢ ᠴᠢᠷᠮᠠᠶᠢᠨ ᠪᠠᠶᠢᠭᠤᠯᠤᠨ᠎ᠠ᠃ | 《 ᠡᠬᠡ ᠪᠠᠶᠢᠭᠠᠯᠢ ᠶᠢ ᠬᠦᠨᠳᠤᠳᠬᠡᠵᠤ᠂ ᠡᠬᠡ ᠪᠠᠶᠢᠭᠠᠯᠢ ᠶᠢᠨ ᠵᠢᠮ᠎ᠡ ᠶᠤᠰᠤ ᠶᠢ ᠳᠠᠭᠠᠵᠤ᠂ ᠡᠬᠡ ᠪᠠᠶᠢᠭᠠᠯᠢ ᠶᠢ | ᠬᠠᠮᠠᠭᠠᠯᠠᠬᠤ》 ᠠᠮᠢ ᠠᠬᠤᠢ ᠶᠢᠨ ᠪᠤᠯᠪᠠᠰᠤᠨ ᠤ ᠦᠵᠡᠯᠳᠡ ᠶᠢ ᠪᠠᠳᠤ ᠪᠠᠬᠢ ᠪᠤᠢ ᠪᠤᠯᠭᠠᠵᠤ᠂ ᠦᠵᠡᠰᠬᠦᠯᠡᠩ ᠪᠠ | ᠬᠦᠭᠵᠢᠯᠳᠡ ᠶᠢᠨ ᠬᠤᠤᠰ ᠠᠮᠵᠢᠯᠳᠠ ᠶᠢ ᠤᠯᠵᠤ᠂ ᠮᠠᠨ ᠤ ᠤᠯᠤᠰ ᠤᠨ ᠤᠮᠠᠷᠠᠳᠤ ᠬᠢᠵᠠᠭᠠᠷ ᠤᠨ ᠠᠮᠢ ᠠᠬᠤᠢ | ᠶᠢᠨ ᠠᠮᠤᠷ ᠳᠦᠪᠰᠢᠨ ᠤ ᠴᠢᠬᠤᠯᠠ ᠬᠠᠯᠬᠠᠪᠴᠢ ᠶᠢ ᠴᠢᠷᠮᠠᠶᠢᠨ ᠴᠤᠭᠴᠠᠯᠠᠨ᠎ᠠ᠃ | ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢ ᠬᠦᠴᠦᠳᠡᠢ ᠠᠳᠬᠤᠨ᠎ᠠ᠃ ᠨᠤᠳᠤᠭ | ᠪᠡᠯᠴᠢᠬᠡᠷ ᠤᠨ ᠨᠦᠬᠦᠪᠦᠷᠢ ᠱᠠᠩᠨᠠᠯ᠂ ᠨᠡᠶᠢᠳᠡ ᠶᠢᠨ ᠠᠰᠢᠭᠳᠤ ᠤᠢ ᠶᠢᠨ ᠠᠮᠢ ᠠᠬᠤᠢ ᠶᠢᠨ ᠦᠷ᠎ᠡ ᠠᠰᠢᠭ ᠤᠨ | ᠨᠦᠬᠦᠪᠦᠷᠢ ᠵᠡᠷᠬᠡ ᠳᠦᠷᠦ ᠶᠢᠨ ᠪᠤᠳᠤᠯᠭ᠎ᠠ ᠶᠢ ᠦᠷᠬᠦᠯᠵᠢᠯᠡᠨ ᠬᠡᠷᠡᠭᠵᠢᠬᠦᠯᠦᠨ᠎ᠡ᠃ 480 ᠳᠦᠮᠡᠨ ᠮᠤ᠋ ᠨᠤᠳᠤᠭ | ᠪᠡᠯᠴᠢᠬᠡᠷ ᠢ ᠪᠦᠳᠦᠬᠡᠨ ᠪᠠᠶᠢᠭᠤᠯᠬᠤ ᠡᠬᠦᠷᠬᠡ ᠶᠢ ᠪᠡᠶᠡᠯᠡᠬᠦᠯᠦᠨ᠂ ᠨᠢᠰᠬᠡᠯ ᠢᠶᠠᠷ 20 ᠳᠦᠮᠡᠨ ᠮᠤ᠋ ᠤᠢ ᠮᠤᠳᠤ | ᠳᠠᠷᠢᠵᠤ᠂ 10 ᠳᠦᠮᠡᠨ ᠮᠤ᠋ ᠭᠠᠵᠠᠷ ᠲᠤ ᠡᠯᠡᠰᠦ ᠶᠢ ᠬᠤᠷᠢᠨ ᠤᠶᠢᠵᠢᠭᠤᠯᠵᠤ᠂ 10 ᠳᠦᠮᠡᠨ ᠮᠤ᠋ ᠭᠠᠵᠠᠷ ᠢ | ᠤᠶᠢᠵᠢᠭᠤᠯᠤᠨ᠂ ᠠᠯᠪᠠᠨ ᠵᠢᠷᠤᠮ ᠢᠶᠠᠷ 50 ᠳᠦᠮᠡᠨ ᠰᠠᠤᠷᠢ ᠮᠤᠳᠤ ᠳᠠᠷᠢᠨ᠎ᠠ᠃ ᠮᠠᠯᠵᠢᠬᠤ ᠶᠢ ᠵᠤᠭᠰᠤᠭᠠᠬᠤ | ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠡᠪᠡᠰᠦ ᠪᠡᠯᠴᠢᠬᠡᠷ ᠢᠶᠠᠷ ᠮᠠᠯ ᠤᠨ ᠳᠤᠭ᠎ᠠ ᠶᠢ ᠳᠤᠭᠳᠠᠭᠠᠬᠤ᠂ ᠮᠠᠯ | ᠪᠡᠯᠴᠢᠬᠡᠷ ᠢ ᠳᠡᠩᠴᠡᠬᠦᠷᠢᠰᠢᠬᠦᠯᠬᠦ ᠳᠦᠷᠢᠮ ᠢ ᠴᠢᠩᠭ᠎ᠠ ᠬᠡᠷᠡᠭᠵᠢᠬᠦᠯᠦᠨ᠂ ᠭᠤᠤᠯᠳᠠᠯᠭ᠎ᠠ ᠲᠠᠢ ᠳᠦᠷᠦᠯ ᠵᠦᠢᠯ ᠤᠨ | ᠤᠷᠤᠨ᠂ ᠡᠯᠡᠰᠦ ᠶᠢ ᠬᠤᠷᠢᠵᠤ ᠤᠶᠢᠵᠢᠭᠤᠯᠬᠤ ᠬᠠᠮᠢᠶᠠᠷᠤᠯᠳᠠ ᠬᠠᠮᠠᠭᠠᠯᠠᠯᠳᠠ ᠶᠢᠨ ᠤᠷᠤᠨ ᠢ ᠳᠦᠪᠯᠡᠷᠡᠬᠦᠯᠦᠨ | ᠵᠠᠰᠠᠨ ᠴᠡᠭᠴᠡᠯᠡᠨ᠎ᠡ᠃ ᠤᠯᠠᠭᠠᠨᠪᠤᠬ᠎ᠠ ᠶᠢᠨ ᠡᠯᠡᠰᠦᠨ ᠤ ᠠᠵᠤ ᠦᠢᠯᠡᠰ ᠤᠨ ᠵᠢᠱᠢᠶ᠎ᠡ ᠦᠵᠡᠬᠦᠯᠬᠦ ᠤᠷᠤᠨ ᠤ | ᠪᠦᠳᠦᠬᠡᠨ ᠪᠠᠶᠢᠭᠤᠯᠤᠯᠳᠠ ᠶᠢ ᠳᠡᠮᠵᠢᠵᠤ᠂ ᠬᠦᠢᠪᠦᠷᠢ ᠶᠢᠨ ᠦᠶᠡᠷ ᠢ ᠬᠠᠰᠢᠵᠤ ᠬᠠᠳᠠᠭᠠᠯᠠᠬᠤ ᠤᠷᠤᠨ ᠤ ᠳᠦᠷᠦᠯ | ᠵᠦᠢᠯ ᠢ ᠮᠡᠳᠡᠬᠦᠯᠬᠦ ᠠᠵᠢᠯ ᠢ ᠪᠦᠬᠦ ᠬᠦᠴᠦᠨ ᠢᠶᠠᠷ ᠰᠠᠶᠢᠳᠤᠷ ᠬᠢᠨ᠎ᠡ᠃ ᠡᠯᠡᠰᠦᠷᠬᠡᠭᠵᠢᠭᠰᠡᠨ ᠭᠠᠵᠠᠷ ᠰᠢᠷᠤᠢ ᠶᠢ | ᠪᠢᠳᠡᠬᠦᠮᠵᠢᠯᠡᠨ ᠬᠤᠷᠢᠵᠤ ᠬᠠᠮᠠᠭᠠᠯᠠᠬᠤ ᠳᠦᠷᠦᠯ ᠵᠦᠢᠯ ᠢ ᠦᠷᠬᠦᠯᠵᠢᠯᠡᠨ ᠬᠡᠷᠡᠭᠵᠢᠬᠦᠯᠵᠤ᠂ ᠬᠢᠯᠢ ᠬᠢᠵᠠᠭᠠᠷ ᠤᠷᠤᠨ | ᠤ ᠮᠠᠯᠴᠢᠨ ᠳᠠᠷᠢᠶᠠᠴᠢᠳ ᠤᠨ ᠦᠢᠯᠡᠳᠪᠦᠷᠢᠯᠡᠯ ᠢᠶᠠᠨ ᠬᠦᠭᠵᠢᠬᠦᠯᠬᠦ᠂ ᠠᠮᠢ ᠠᠬᠤᠢ ᠶᠢᠨ ᠬᠠᠮᠠᠭᠠᠯᠠᠯᠳᠠ | ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠳᠡᠮᠵᠢᠵᠤ᠂《 ᠠᠮᠢ ᠠᠬᠤᠢ ᠪᠠᠷ ᠬᠢᠵᠠᠭᠠᠷ ᠢᠶᠠᠨ ᠰᠠᠬᠢᠬᠤ》᠂ | 《 ᠠᠵᠤ ᠦᠢᠯᠡᠰ ᠢᠶᠠᠷ ᠬᠢᠵᠠᠭᠠᠷ ᠢᠶᠠᠨ ᠰᠠᠬᠢᠬᠤ》᠂《 ᠠᠷᠠᠳ ᠢᠶᠠᠨ ᠴᠢᠨᠡᠬᠡᠯᠢᠭᠵᠢᠬᠦᠯᠵᠤ ᠬᠢᠵᠠᠭᠠᠷ ᠢᠶᠠᠨ | ᠰᠠᠬᠢᠬᠤ》 ᠶᠢ ᠴᠢᠷᠮᠠᠶᠢᠨ ᠪᠡᠶᠡᠯᠡᠬᠦᠯᠦᠨ᠎ᠡ᠃ | ᠤᠷᠴᠢᠨ ᠳᠤᠭᠤᠷᠢᠨ ᠤ ᠬᠠᠮᠠᠭᠠᠯᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠣᠷᠴᠢᠨ ᠳᠤᠭᠤᠷᠢᠨ ᠢ | ᠶᠡᠷᠦᠩᠬᠡᠶᠢᠯᠡᠨ ᠵᠠᠰᠠᠬᠤ ᠶᠢ ᠬᠦᠨᠵᠡᠬᠡᠢ ᠦᠷᠨᠢᠬᠦᠯᠵᠤ᠂ ᠠᠭᠤᠷᠬᠠᠢ ᠶᠢᠨ ᠡᠬᠢ ᠪᠠᠶᠠᠯᠢᠭ ᠢ ᠨᠡᠬᠡᠬᠡᠨ ᠠᠰᠢᠭᠯᠠᠬᠤ ᠪᠠ | ᠤᠷᠴᠢᠨ ᠳᠤᠭᠤᠷᠢᠨ ᠤ ᠬᠠᠮᠠᠭᠠᠯᠠᠯᠳᠠ ᠶᠢ ᠨᠢᠬᠡᠳᠦᠯᠳᠡᠢ ᠳᠦᠯᠦᠪᠵᠢᠬᠦᠯᠦᠨᠡ᠃ ᠡᠨᠧᠷᠬᠢ ᠠᠷᠪᠢᠯᠠᠵᠤ ᠪᠤᠬᠢᠷᠳᠤᠯ | ᠪᠠᠭᠠᠰᠬᠠᠬᠤ ᠠᠵᠢᠯ ᠢ ᠰᠠᠶᠢᠳᠤᠷ ᠬᠢᠵᠤ᠂ ᠭᠤᠤᠯᠳᠠᠯᠭ᠎ᠠ ᠲᠠᠢ ᠡᠨᠧᠷᠬᠢ ᠬᠤᠷᠤᠭᠳᠠᠭᠤᠯᠬᠤ ᠠᠵᠤ ᠠᠬᠤᠶᠢᠯᠠᠯ ᠢ ᠬᠢᠨᠠᠨ | ᠬᠠᠮᠢᠶᠠᠷᠬᠤ ᠪᠠᠨ ᠴᠢᠩᠭᠠᠳᠬᠠᠵᠤ᠂ ᠠᠵᠤ ᠠᠬᠤᠶᠢᠯᠠᠯ ᠠᠴᠠ ᠬᠡᠷᠡᠭᠯᠡᠬᠡᠨ ᠤ ᠰᠢᠨ᠎ᠡ ᠮᠡᠷᠬᠡᠵᠢᠯ᠂ ᠰᠢᠨ᠎ᠡ ᠤᠷᠠᠯᠠᠯ᠂ | ᠰᠢᠨ᠎ᠡ ᠳᠦᠬᠦᠬᠡᠷᠦᠮᠵᠢ ᠶᠢ ᠳᠡᠯᠬᠡᠷᠡᠬᠦᠯᠬᠦ ᠶᠢ ᠵᠤᠷᠢᠭᠵᠢᠭᠤᠯᠵᠤ᠂ ᠬᠤᠴᠤᠷᠤᠩᠭᠤᠢ ᠦᠢᠯᠡᠳᠪᠦᠷᠢᠯᠡᠯ ᠤᠨ ᠠᠷᠭ᠎ᠠ | ᠮᠠᠶ᠋ᠢᠭ ᠢ ᠤᠯᠠᠮ ᠢᠶᠠᠷ ᠳᠠᠶᠠᠭᠳᠠᠨᠠ᠃ ᠠᠭᠠᠷ ᠤᠨ ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ | ᠤᠷᠴᠢᠨ ᠳᠤᠭᠤᠷᠢᠨ ᠤ ᠵᠦᠪᠰᠢᠶᠡᠷᠡᠯ ᠤᠨ ᠪᠠᠷᠢᠮᠵᠢᠶ᠎ᠠ ᠶᠢ ᠴᠢᠩᠭ᠎ᠠ ᠪᠤᠯᠭᠠᠨ᠎ᠠ᠃ ᠳᠡᠭᠷᠢ ᠶᠢᠨ ᠪᠤᠬᠢᠷ ᠤᠰᠤ | ᠰᠢᠢᠳᠪᠦᠷᠢᠯᠡᠬᠦ ᠦᠢᠯᠡᠳᠪᠦᠷᠢ ᠶᠢᠨ ᠠᠵᠢᠯᠯᠠᠭᠠᠨ ᠤ ᠳᠤᠭᠳᠠᠴᠠ ᠶᠢ ᠳᠦᠷᠢᠮᠵᠢᠬᠦᠯᠦᠨ ᠳᠡᠬᠦᠯᠳᠡᠷᠵᠢᠬᠦᠯᠵᠤ᠂ | ᠪᠠᠷᠢᠮᠵᠢᠶ᠎ᠠ ᠳᠤ ᠬᠦᠷᠬᠡᠨ ᠭᠠᠳᠠᠭᠰᠢᠯᠠᠭᠤᠯᠬᠤ ᠶᠢ ᠦᠨᠡᠨᠬᠦ ᠪᠠᠳᠤᠯᠠᠨ᠎ᠠ᠃ ᠪᠠᠶᠠᠨᠬᠤᠳᠠ ᠶᠢᠨ ᠰᠢᠨ᠎ᠡ ᠳᠤᠭᠤᠷᠢᠭ ᠤᠨ | ᠪᠤᠬᠢᠷ ᠤᠰᠤ ᠰᠢᠢᠳᠪᠦᠷᠢᠯᠡᠬᠦ ᠢᠨᠵᠧᠨᠧᠷᠢᠩ ᠢ ᠪᠡᠶᠡᠯᠡᠬᠦᠯᠦᠨ᠎ᠡ᠃ ᠭᠠᠵᠠᠷ ᠳᠤᠤᠷᠠᠬᠢ ᠤᠰᠤᠨ ᠰᠤᠷᠪᠤᠯᠵᠢ ᠶᠢᠨ | ᠬᠠᠮᠢᠶᠠᠷᠤᠯᠳᠠ ᠶᠢ ᠴᠢᠩᠭᠠᠳᠬᠠᠨ᠂ ᠤᠰᠤ ᠬᠡᠷᠡᠭᠯᠡᠬᠦ ᠵᠦᠪᠰᠢᠶᠡᠷᠡᠯ ᠢ ᠴᠢᠩᠳᠠᠯᠠᠨ᠂ ᠤᠰᠤᠨ ᠤ ᠡᠬᠢ ᠰᠤᠷᠪᠤᠯᠵᠢ | ᠶᠢ ᠰᠢᠨᠵᠢᠯᠡᠬᠦ ᠤᠬᠠᠭᠠᠨᠴᠢ ᠪᠠᠷ ᠵᠦᠢ ᠵᠤᠬᠢᠰᠳᠠᠢ ᠠᠰᠢᠭᠯᠠᠬᠤ ᠶᠢ ᠪᠡᠶᠡᠯᠡᠬᠦᠯᠦᠨ᠎ᠡ᠃ | ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠬᠦᠯᠦᠨ ᠠᠰᠢᠭᠯᠠᠬᠤ ᠶᠢ ᠠᠬᠢᠭᠤᠯᠤᠨ᠎ᠠ᠃ 2 ᠳ᠋ᠦᠩᠰᠢᠭᠤᠷ | ᠳᠦᠬᠦᠷᠢᠭ ᠪᠡᠯᠡ ᠤᠷᠤᠭᠤᠯᠤᠨ᠂ ᠦᠨᠳᠦᠰᠦᠨ ᠳᠠᠷᠢᠶᠠᠨ ᠭᠠᠵᠠᠷ ᠤᠨ ᠬᠠᠮᠠᠭᠠᠯᠠᠯᠳᠠ ᠶᠢ ᠴᠢᠩᠭᠠᠳᠬᠠᠨ᠂ ᠰᠤᠪᠠᠭ | ᠤᠨ ᠰᠢᠰᠲ᠋ᠧᠮ᠂ ᠳᠠᠷᠢᠶᠠᠨ ᠭᠠᠵᠠᠷ ᠤᠨ ᠵᠠᠮ ᠵᠡᠷᠬᠡ ᠳᠦᠬᠦᠷ ᠳᠦᠬᠦᠬᠡᠷᠦᠮᠵᠢ ᠶᠢ ᠳᠡᠬᠦᠯᠳᠡᠷᠵᠢᠬᠦᠯᠵᠤ᠂ 10 | ᠳᠦᠮᠡᠨ ᠮᠤ᠋ ᠦᠨᠳᠦᠷ ᠪᠠᠷᠢᠮᠵᠢᠶᠠᠳᠤ ᠦᠨᠳᠦᠰᠦᠨ ᠳᠠᠷᠢᠶᠠᠨ ᠭᠠᠵᠠᠷ ᠢ ᠪᠦᠳᠦᠬᠡᠨ ᠪᠠᠶᠢᠭᠤᠯᠤᠨ᠎ᠠ᠃ ᠪᠠᠷᠢᠯᠭ᠎ᠠ ᠶᠢᠨ | ᠭᠠᠵᠠᠷ ᠰᠢᠷᠤᠢ ᠬᠡᠷᠡᠭᠯᠡᠬᠦ ᠦᠷ᠎ᠡ ᠠᠰᠢᠭ ᠢ ᠦᠨᠡᠨᠬᠦ ᠳᠡᠬᠡᠭᠰᠢᠯᠡᠬᠦᠯᠵᠤ᠂ ᠬᠠᠶᠠᠭᠳᠠᠮᠠᠯ ᠤᠷᠤᠨ ᠰᠠᠭᠤᠴᠠ ᠪᠠ | ᠦᠢᠯᠡᠳᠪᠦᠷᠢ ᠠᠭᠤᠷᠬᠠᠢ ᠶᠢᠨ ᠬᠠᠶᠠᠭᠳᠠᠮᠠᠯ ᠭᠠᠵᠠᠷ ᠢ ᠳᠠᠬᠢᠨ ᠬᠠᠭᠠᠯᠪᠤᠷᠢᠯᠠᠬᠤ ᠳᠦᠷᠦᠯ ᠵᠦᠢᠯ ᠢ ᠬᠡᠷᠡᠭᠵᠢᠬᠦᠯᠬᠦ | ᠡᠷᠴᠢᠮ ᠢᠶᠠᠨ ᠴᠢᠩᠭᠠᠷᠠᠭᠤᠯᠤᠨ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠢ ᠠᠷᠪᠢᠯᠠᠨ ᠭᠠᠮᠨᠠᠬᠤ ᠪᠠ | ᠦᠨᠳᠦᠷ ᠦᠷ᠎ᠡ ᠠᠰᠢᠭ ᠲᠠᠢ ᠪᠠᠷ ᠠᠰᠢᠭᠯᠠᠬᠤ ᠶᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠠᠴᠠ ᠭᠠᠵᠠᠷ | ᠰᠢᠨᠵᠢᠯᠡᠬᠡᠨ ᠢ ᠳᠡᠮᠵᠢᠬᠦ ᠳᠦᠷᠦ ᠶᠢᠨ ᠪᠤᠳᠤᠯᠭ᠎ᠠ ᠪᠠᠨ ᠦᠷᠬᠦᠯᠵᠢᠯᠡᠬᠦᠯᠬᠦ ᠶᠢ ᠴᠢᠷᠮᠠᠶᠢᠨ ᠠᠬᠢᠭᠤᠯᠵᠤ᠂ ᠭᠠᠵᠠᠷ | ᠰᠢᠨᠵᠢᠯᠡᠬᠡᠨ ᠤ ᠬᠠᠶᠢᠨ ᠪᠠᠶᠢᠴᠠᠭᠠᠯᠳᠠ ᠶᠢᠨ ᠡᠷᠴᠢᠮ ᠢᠶᠠᠨ ᠴᠢᠩᠭᠠᠷᠠᠭᠤᠯᠤᠨ᠎ᠠ᠃ ᠠᠭᠤᠷᠬᠠᠢ ᠶᠢᠨ ᠡᠷᠬᠡ ᠶᠢᠨ | ᠳᠤᠳᠤᠯᠠᠬᠤ ᠪᠠ ᠮᠠᠯᠳᠠᠬᠤ ᠠᠵᠢᠯᠯᠠᠭ᠎ᠠ ᠶᠢ ᠤᠯᠠᠮ ᠨᠢᠬᠡ ᠠᠯᠬᠤᠮ ᠳᠦᠷᠢᠮᠵᠢᠬᠦᠯᠵᠤ᠂ ᠠᠭᠤᠷᠬᠠᠢ ᠶᠢᠨ ᠡᠬᠢ | ᠪᠠᠶᠠᠯᠢᠭ ᠢ ᠨᠢᠬᠡᠳᠬᠡᠨ ᠨᠡᠶᠢᠯᠡᠬᠦᠯᠬᠦ ᠡᠷᠴᠢᠮ ᠢᠶᠠᠨ ᠴᠢᠩᠭᠠᠷᠠᠭᠤᠯᠤᠨ᠂ ᠡᠬᠢ ᠪᠠᠶᠠᠯᠢᠭ ᠢ ᠳᠤᠬᠠᠢ ᠶᠢᠨ ᠭᠠᠵᠠᠷ | ᠲᠤᠨᠢ ᠬᠤᠪᠢᠷᠠᠭᠤᠯᠬᠤ ᠪᠠ ᠬᠦᠨᠵᠡᠬᠡᠢ ᠪᠤᠯᠪᠠᠰᠤᠷᠠᠭᠤᠯᠬᠤ ᠶᠢ ᠠᠬᠢᠭᠤᠯᠤᠨ᠂ ᠡᠬᠢ ᠪᠠᠶᠠᠯᠢᠭ ᠤᠨ ᠠᠰᠢᠭᠯᠠᠯᠳᠠ | ᠶᠢᠨ ᠨᠤᠷᠮ᠎ᠠ ᠶᠢ ᠳᠡᠬᠡᠭᠰᠢᠯᠡᠬᠦᠯᠦᠨ᠎ᠡ᠃ | ︵ᠳᠤᠯᠤᠭ᠎ᠠ︶ ᠠᠷᠠᠳ ᠤᠨ ᠠᠮᠢᠳᠤᠷᠠᠯ ᠢ ᠦᠨᠡᠨᠬᠦ ᠪᠠᠳᠤᠯᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ | ᠴᠢᠨᠠᠷ ᠴᠢᠨᠰᠠᠭ᠎ᠠ ᠶᠢ ᠴᠢᠷᠮᠠᠶᠢᠨ ᠳᠡᠬᠡᠭᠰᠢᠯᠡᠬᠦᠯᠦᠨ᠎ᠡ᠃ | ᠬᠦᠭᠵᠢᠯᠳᠡ ᠶᠢᠨ ᠦᠷ᠎ᠡ ᠪᠦᠳᠦᠮᠵᠢ ᠪᠠᠨ ᠪᠦᠬᠦ ᠠᠷᠠᠳ ᠲᠤ ᠨᠡᠩ ᠠᠷᠪᠢᠨ ᠨᠡᠩ ᠡᠷᠬᠡ ᠳᠡᠭᠰᠢ ᠪᠠᠷ ᠡᠳ᠋ᠯᠡᠬᠦᠯᠬᠦ ᠪᠠᠷ | ᠬᠠᠷᠠᠯᠳᠠ ᠪᠤᠯᠭᠠᠵᠤ᠂ ᠡᠯ᠎ᠡ ᠳᠦᠷᠦᠯ ᠤᠨ ᠠᠷᠠᠳ ᠤᠨ ᠠᠮᠢᠳᠤᠷᠠᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠦᠨ | ᠰᠠᠶᠢᠳᠤᠷ ᠬᠢᠵᠤ᠂ ᠠᠵᠢᠯ ᠤᠯᠭᠤᠯᠳᠠ᠂ ᠰᠤᠶᠤᠯ ᠰᠢᠨᠵᠢᠯᠡᠭᠡ ᠮᠡᠷᠬᠡᠵᠢᠯ᠂ ᠡᠮ ᠡᠮᠨᠡᠯᠬᠡ ᠡᠷᠡᠬᠦᠯ ᠬᠠᠮᠠᠭᠠᠯᠠᠯ᠂ | ᠨᠡᠶᠢᠬᠡᠮ ᠤᠨ ᠪᠠᠳᠤᠯᠠᠭ᠎ᠠ ᠵᠡᠷᠬᠡ ᠳᠠᠯ᠎ᠠ ᠪᠠᠷ ᠬᠢ ᠦᠬᠡᠷᠡᠴᠢᠯᠡᠯᠳᠡ ᠪᠠᠨ ᠭᠤᠤᠯᠳᠠᠯᠭ᠎ᠠ ᠲᠠᠢ ᠳᠦᠷᠬᠡᠳᠬᠡᠨ᠂ ᠨᠡᠶᠢᠬᠡᠮ | ᠳᠤ ᠤᠯᠠᠨ ᠬᠡᠯᠪᠡᠷᠢ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠵᠤ᠂ ᠦᠨᠳᠦᠰᠦᠨ ᠨᠡᠶᠢᠳᠡ ᠶᠢᠨ ᠦᠢᠯᠡᠴᠢᠯᠡᠬᠡᠨ | ᠤ ᠲᠡᠩᠴᠡᠬᠦᠷᠢᠰᠢᠯᠳᠡ ᠶᠢ ᠠᠬᠢᠭᠤᠯᠤᠨ᠎ᠠ᠃ | ᠬᠤᠳᠠ ᠬᠦᠳᠡᠭᠡ ᠶᠢᠨ ᠠᠵᠢᠯ ᠤᠯᠭᠤᠯᠳᠠ ᠶᠢᠨ ᠠᠷᠭ᠎ᠠ ᠵᠠᠮ ᠢ ᠦᠷᠬᠡᠳᠬᠡᠨ᠎ᠡ᠃《 ᠠᠵᠢᠯ ᠣᠯᠭᠤᠯᠳᠠ ᠶᠢ ᠡᠩ | ᠳᠡᠷᠢᠬᠦᠨ ᠳᠤ ᠳᠠᠯᠪᠢᠬᠤ》 ᠳᠦᠷᠦ ᠶᠢᠨ ᠪᠤᠳᠤᠯᠭ᠎ᠠ ᠪᠠ ᠨᠡᠩ ᠢᠳᠡᠪᠬᠢᠳᠡᠢ ᠠᠵᠢᠯ ᠤᠯᠭᠤᠬᠤ ᠠᠷᠭ᠎ᠠ ᠪᠠᠷᠢᠯ ᠢ | ᠨᠠᠶᠢᠳᠠᠪᠤᠷᠢᠵᠢᠭᠤᠯᠵᠤ᠂ ᠠᠵᠢᠯ ᠤᠯᠭᠤᠬᠤ ᠪᠤᠯᠪᠠᠰᠤᠷᠠᠯ ᠪᠠ ᠦᠢᠯᠡᠰ ᠪᠤᠰᠬᠠᠬᠤ ᠦᠢᠯᠡᠴᠢᠯᠡᠭᠡ ᠶᠢ ᠴᠢᠩᠭᠠᠳᠬᠠᠨ᠂ | ᠪᠠᠭ᠎ᠠ ᠳᠤᠭᠠᠨ ᠤ ᠪᠠᠳᠤᠯᠠᠭᠠᠳᠤ ᠵᠢᠬᠡᠯᠡᠯᠬᠡ ᠪᠠᠷ ᠳᠡᠮᠵᠢᠬᠦ ᠡᠷᠴᠢᠮ ᠢᠶᠠᠨ ᠨᠡᠮᠡᠭᠳᠡᠬᠦᠯᠵᠤ᠂ ᠦᠢᠯᠡᠰ ᠪᠤᠰᠬᠠᠬᠤ ᠪᠠᠷ | ᠠᠵᠢᠯ ᠤᠯᠭᠤᠬᠤ ᠶᠢ ᠳᠠᠶᠢᠴᠢᠯᠠᠨ᠂ 1150 ᠬᠦᠮᠦᠨ ᠳᠤ ᠠᠵᠢᠯ ᠤᠯᠭᠤᠬᠤ ᠮᠡᠷᠬᠡᠵᠢᠯ ᠤᠨ ᠪᠤᠯᠪᠠᠰᠤᠷᠠᠯ | ᠬᠦᠷᠳᠡᠬᠡᠵᠤ᠂ 300 ᠠᠴᠠ ᠳᠡᠬᠡᠭᠰᠢ ᠬᠦᠮᠦᠰ ᠲᠤ ᠦᠢᠯᠡᠰ ᠪᠤᠰᠬᠠᠬᠤ ᠪᠤᠯᠪᠠᠰᠤᠷᠠᠯ ᠬᠦᠷᠳᠡᠬᠡᠨ᠎ᠡ᠃ ᠪᠠᠶᠠᠨᠬᠤᠳᠠ | ᠶᠢᠨ ᠦᠢᠯᠡᠰ ᠪᠤᠰᠬᠠᠬᠤ ᠬᠦᠷᠢᠶᠡᠯᠡᠩ ᠢ ᠪᠦᠳᠦᠬᠡᠨ ᠪᠠᠶᠢᠭᠤᠯᠬᠤ ᠡᠷᠴᠢᠮ ᠢᠶᠠᠨ ᠨᠡᠮᠡᠭᠳᠡᠬᠦᠯᠵᠤ᠂ ᠰᠠᠶᠢᠨ ᠰᠠᠶᠢᠬᠠᠨ | ᠦᠢᠯᠡᠰ ᠪᠤᠰᠬᠠᠬᠤ ᠨᠦᠬᠦᠴᠡᠯ ᠪᠠ ᠤᠷᠴᠢᠨ ᠳᠤᠭᠤᠷᠢᠨ ᠢ ᠬᠠᠩᠭᠠᠨ᠎ᠠ᠃ ᠠᠵᠤ ᠠᠬᠤᠶᠢᠯᠠᠯ ᠠᠴᠠ ᠠᠵᠢᠯ ᠤᠨ | ᠪᠠᠶᠢᠷᠢ ᠨᠡᠮᠡᠵᠤ ᠬᠠᠩᠭᠠᠬᠤ ᠶᠢ ᠤᠳᠤᠷᠢᠳᠤᠨ ᠵᠢᠯᠤᠭᠤᠳᠴᠤ᠂ ᠵᠠᠰᠠᠭ ᠤᠨ ᠤᠷᠳᠤᠨ ᠠᠴᠠ ᠪᠡᠯᠡ ᠤᠷᠤᠭᠤᠯᠤᠭᠰᠠᠨ | ᠳᠦᠷᠦᠯ ᠵᠦᠢᠯ ᠡᠩ ᠳᠡᠷᠢᠬᠦᠨ ᠳᠤ ᠬᠤᠰᠢᠭᠤᠨ ᠤ ᠳᠤᠳᠤᠷᠠᠬᠢ ᠬᠦᠳᠡᠯᠮᠦᠷᠢ ᠬᠦᠴᠦᠨ ᠳᠤ ᠠᠵᠢᠯ ᠤᠯᠭᠤᠨ᠎ᠠ᠃ | ᠶᠡᠭᠡ ᠰᠤᠷᠭᠠᠭᠤᠯᠢ ᠠᠴᠠ ᠳᠡᠬᠦᠰᠦᠭᠰᠡᠳ᠂ ᠬᠤᠳᠠ ᠪᠠᠯᠭᠠᠰᠤᠨ ᠤ ᠬᠦᠴᠢᠷᠳᠡᠯᠳᠡᠢ ᠬᠡᠷ ᠪᠦᠯᠢ᠂ ᠮᠠᠯᠵᠢᠬᠤ ᠤᠷᠤᠨ | ᠠᠴᠠ ᠰᠢᠯᠵᠢᠭᠰᠡᠨ ᠬᠦᠳᠡᠯᠮᠦᠷᠢ ᠬᠦᠴᠦ ᠵᠡᠷᠬᠡ ᠳᠤ ᠠᠵᠢᠯ ᠤᠯᠭᠤᠬᠤ ᠶᠢ ᠨᠢᠬᠡᠳᠦᠯᠳᠡᠢ ᠳᠦᠯᠦᠪᠵᠢᠬᠦᠯᠦᠨ ᠰᠠᠶᠢᠳᠤᠷ | ᠬᠢᠵᠤ᠂ ᠠᠵᠢᠯ ᠤᠯᠭᠤᠯᠳᠠ ᠶᠢ ᠴᠢᠷᠮᠠᠶᠢᠨ ᠳᠤᠭᠳᠠᠪᠤᠷᠢᠵᠢᠭᠤᠯᠬᠤ ᠪᠠ ᠦᠷᠬᠡᠳᠬᠡᠨ᠎ᠡ᠃ ᠬᠤᠳᠠ ᠪᠠᠯᠭᠠᠰᠤᠨ ᠳᠤ | ᠰᠢᠨ᠎ᠡ ᠪᠠᠷ 1400 ᠠᠴᠠ ᠳᠡᠬᠡᠭᠰᠢ ᠬᠦᠮᠦᠰ ᠲᠤ ᠠᠵᠢᠯ ᠤᠯᠭᠤᠬᠤ ᠶᠢ ᠪᠡᠶᠡᠯᠡᠬᠦᠯᠵᠤ᠂ ᠬᠦᠳᠡᠭᠡ ᠳᠤᠰᠬᠤᠨ ᠤ | 1600 ᠠᠴᠠ ᠳᠡᠬᠡᠭᠰᠢ ᠬᠦᠳᠡᠯᠮᠦᠷᠢ ᠬᠦᠴᠦ ᠶᠢ ᠰᠢᠯᠵᠢᠬᠦᠯᠦᠨ ᠠᠵᠢᠯ ᠤᠯᠭᠤᠵᠤ᠂ ᠬᠤᠳᠠ ᠪᠠᠯᠭᠠᠰᠤᠨ ᠤ | ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠤᠷᠮ᠎ᠠ ᠶᠢ 3.9% ᠳᠤᠳᠤᠷ᠎ᠠ ᠬᠢᠵᠠᠭᠠᠷᠯᠠᠬᠤ ᠶᠢ ᠦᠨᠡᠨᠬᠦ | ᠪᠠᠳᠤᠯᠠᠨ᠎ᠠ᠃ | ᠨᠡᠶᠢᠬᠡᠮ ᠤᠨ ᠪᠠᠳᠤᠯᠠᠭᠠᠨ ᠤ ᠠᠵᠢᠯ ᠢ ᠤᠯᠠᠮ ᠨᠢᠬᠡ ᠠᠯᠬᠤᠮ ᠰᠠᠶᠢᠳᠤᠷ ᠬᠢᠨ᠎ᠡ᠃ ᠨᠡᠶᠢᠬᠡᠮ ᠤᠨ ᠪᠠᠳᠤᠯᠠᠭᠠᠨ ᠤ | ᠬᠠᠮᠤᠷᠬᠤ ᠬᠡᠪᠴᠢᠶ᠎ᠠ ᠶᠢ ᠳᠠᠰᠤᠷᠠᠯᠳᠠ ᠦᠬᠡᠢ ᠦᠷᠬᠡᠳᠬᠡᠵᠤ᠂ ᠪᠠᠳᠤᠯᠠᠭᠠᠨ ᠤ ᠪᠠᠷᠢᠮᠵᠢᠶ᠎ᠠ ᠶᠢ ᠳᠡᠬᠡᠭᠰᠢᠯᠡᠬᠦᠯᠦᠨ᠂ | ᠨᠡᠶᠢᠬᠡᠮ ᠤᠨ ᠠᠪᠤᠷᠠᠨ ᠳᠤᠰᠠᠯᠠᠬᠤ ᠰᠢᠰᠲ᠋ᠧᠮ ᠢ ᠳᠡᠬᠦᠯᠳᠡᠷᠵᠢᠬᠦᠯᠵᠤ᠂ ᠬᠦᠴᠢᠷᠳᠡᠯᠳᠡᠢ ᠤᠯᠠᠨ ᠳᠦᠮᠡᠨ ᠤ | ᠦᠨᠳᠦᠰᠦᠨ ᠠᠮᠢᠳᠤᠷᠠᠯ ᠢ ᠦᠨᠡᠨᠬᠦ ᠪᠠᠳᠤᠯᠠᠨ᠎ᠠ᠃ ᠪᠦᠬᠦ ᠠᠶᠢᠮᠠᠭ ᠤᠨ ᠠᠩᠬᠠᠳᠠᠭᠴᠢ ᠨᠡᠶᠢᠳᠡ ᠠᠴᠠ ᠳᠤᠰᠠᠯᠠᠵᠤ᠂ | ᠠᠷᠠᠳ ᠠᠴᠠ ᠪᠠᠶᠢᠭᠤᠯᠵᠤ᠂ ᠠᠷᠠᠳ ᠠᠴᠠ ᠡᠵᠡᠩᠨᠡᠭᠰᠡᠨ ᠨᠠᠰᠤᠳᠠᠶᠢᠴᠤᠳ ᠢ ᠠᠰᠠᠷᠠᠵᠤ ᠬᠠᠮᠠᠭᠠᠯᠠᠬᠤ ᠳᠦᠪ ᠢ | ᠪᠠᠶᠢᠭᠤᠯᠤᠨ᠎ᠠ᠃ ᠨᠠᠰᠤᠳᠠᠶᠢᠴᠤᠳ᠂ ᠵᠡᠮᠳᠡᠭᠴᠤᠳ ᠵᠢᠴᠢ ᠡᠨᠡᠷᠢᠩᠬᠦᠢ ᠦᠢᠯᠡᠰ ᠤᠨ ᠬᠦᠭᠵᠢᠯᠳᠡ ᠶᠢ ᠠᠬᠢᠭᠤᠯᠵᠤ᠂ | ᠶᠡᠷᠦᠩᠬᠡᠶᠢᠯᠡᠭᠰᠡᠨ ᠨᠡᠶᠢᠬᠡᠮ ᠤᠨ ᠠᠰᠠᠷᠠᠮᠵᠢ ᠶᠢᠨ ᠳᠦᠪ᠂ ᠨᠠᠰᠤᠳᠠᠶᠢᠴᠤᠳ ᠤᠨ ᠠᠰᠠᠷᠠᠮᠵᠢ ᠶᠢᠨ ᠭᠠᠵᠠᠷ᠂ | ᠠᠪᠤᠷᠠᠨ ᠳᠤᠰᠠᠯᠠᠬᠤ ᠦᠷᠳᠡᠬᠡᠨ ᠤ ᠬᠠᠮᠢᠶᠠᠷᠤᠯᠳᠠ ᠦᠢᠯᠡᠴᠢᠯᠡᠬᠡᠨ ᠤ ᠬᠢᠷᠢ ᠳᠦᠪᠰᠢᠨ ᠢ ᠳᠡᠬᠡᠭᠰᠢᠯᠡᠬᠦᠯᠦᠨ᠎ᠡ᠃ | ᠮᠠᠨ ᠤ ᠬᠤᠰᠢᠭᠤ ᠨᠢᠬᠡᠨᠳᠡ ᠦᠪᠡᠷᠳᠡᠬᠡᠨ ᠵᠠᠰᠠᠬᠤ ᠤᠷᠤᠨ ᠤ 38 ᠭᠤᠤᠯᠳᠠᠯᠭ᠎ᠠ ᠲᠠᠢ ᠶᠠᠳᠠᠭᠤ ᠶᠢ ᠳᠡᠳᠬᠦᠬᠦ | ᠪᠠᠬᠢᠯᠡᠯᠳᠡ ᠶᠢᠨ ᠬᠤᠰᠢᠭᠤ ᠰᠢᠶᠠᠨ ᠳᠤ ᠵᠢᠭᠰᠠᠭᠠᠭᠳᠠᠵᠡᠢ᠃ ᠪᠢᠳᠡ ᠡᠨᠡᠬᠦ ᠴᠢᠬᠤᠯᠠ ᠠᠵᠠ ᠳᠤᠬᠢᠶᠠᠯ ᠢ | ᠠᠳᠬᠤᠵᠤ᠂ ᠠᠵᠤ ᠦᠢᠯᠡᠰ ᠤᠨ ᠬᠦᠭᠵᠢᠬᠦᠯᠦᠯᠳᠡ᠂ ᠠᠮᠢ ᠠᠬᠤᠢ ᠶᠢᠨ ᠤᠷᠴᠢᠨ ᠳᠤᠭᠤᠷᠢᠨ᠂ ᠰᠠᠭᠤᠷᠢ | ᠳᠦᠬᠦᠬᠡᠷᠦᠮᠵᠢ ᠶᠢᠨ ᠪᠠᠶᠢᠭᠤᠯᠤᠯᠳᠠ᠂ ᠨᠡᠶᠢᠳᠡ ᠶᠢᠨ ᠦᠢᠯᠡᠴᠢᠯᠡᠭᠡ᠂ ᠨᠡᠶᠢᠬᠡᠮ ᠤᠨ ᠬᠦᠭᠵᠢᠯᠳᠡ ᠵᠡᠷᠬᠡ ᠳᠠᠯ᠎ᠠ | ᠪᠠᠷ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠡᠩ ᠶᠡᠭᠡ ᠳᠤᠰᠠᠯᠠᠮᠵᠢ ᠶᠢ ᠴᠢᠷᠮᠠᠶᠢᠨ ᠤᠯᠬᠤ ᠬᠡᠷᠡᠭᠳᠡᠢ᠃ | ᠶᠠᠳᠠᠭᠤ ᠶᠢ ᠳᠡᠳᠬᠦᠬᠦ ᠠᠵᠢᠯ ᠢ ᠨᠠᠷᠢᠨ ᠤᠨᠤᠪᠴᠢᠳᠠᠢ ᠦᠷᠨᠢᠬᠦᠯᠵᠤ᠂《 ᠭᠤᠷᠪᠠ ᠶᠢ ᠳᠤᠰᠬᠤᠨ ᠪᠠ ᠡᠷᠦᠬᠡ ᠳᠤ | ᠬᠦᠷᠬᠡᠬᠦ》᠂ ᠠᠮᠢ ᠠᠬᠤᠢ ᠬᠡᠪᠡᠷᠡᠭ ᠤᠷᠤᠨ ᠤ ᠠᠷᠠᠳ ᠢ ᠨᠡᠬᠦᠯᠬᠡᠨ ᠰᠢᠯᠵᠢᠬᠦᠯᠬᠦ ᠢᠨᠵᠧᠨᠧᠷᠢᠩ ᠢ ᠳᠦᠯᠬᠢᠨ | ᠠᠬᠢᠭᠤᠯᠵᠤ᠂ ᠠᠵᠢᠯ ᠳᠦᠷᠦᠯ ᠢᠶᠠᠷ ᠶᠠᠳᠠᠭᠤ ᠶᠢ ᠳᠡᠳᠬᠦᠬᠦ᠂ ᠳᠤᠬᠠᠶᠢᠯᠠᠭᠰᠠᠨ ᠠᠵᠢᠯ ᠢᠶᠠᠷ ᠶᠠᠳᠠᠭᠤ ᠶᠢ | ᠳᠡᠳᠬᠦᠬᠦ᠂ ᠨᠡᠶᠢᠬᠡᠮ ᠢᠶᠠᠷ ᠶᠠᠳᠠᠭᠤ ᠶᠢ ᠬᠠᠪᠰᠤᠷᠬᠤ ᠡᠷᠴᠢᠮ ᠢᠶᠠᠨ ᠨᠡᠮᠡᠭᠳᠡᠬᠦᠯᠵᠤ᠂《 ᠮᠦᠩᠬᠦᠨ ᠬᠦᠢᠯᠬᠡᠬᠡᠨ ᠢᠶᠠᠷ | ᠶᠠᠳᠠᠭᠤ ᠶᠢ ᠳᠡᠳᠬᠦᠵᠤ ᠠᠷᠠᠳ ᠢ ᠪᠠᠶᠠᠵᠢᠭᠤᠯᠬᠤ ᠢᠨᠵᠧᠨᠧᠷᠢᠩ》 ᠢ ᠰᠠᠶᠢᠳᠤᠷ ᠬᠡᠷᠡᠭᠵᠢᠬᠦᠯᠦᠨ᠂ ᠵᠢᠯ ᠤᠨ | ᠲᠤᠳᠤᠷ᠎ᠠ 3700 ᠶᠠᠳᠠᠭᠤ ᠬᠦᠴᠢᠷᠳᠡᠯᠳᠡᠢ ᠮᠠᠯᠴᠢᠨ ᠳᠠᠷᠢᠶᠠᠴᠢᠨ ᠢ ᠳᠤᠭᠳᠠᠭᠤᠨ ᠢᠶᠠᠷ ᠶᠠᠳᠠᠭᠤ ᠠᠴᠠ | ᠠᠩᠬᠢᠵᠢᠷᠠᠭᠤᠯᠬᠤ ᠶᠢ ᠪᠡᠶᠡᠯᠡᠬᠦᠯᠦᠨ᠎ᠡ᠃ ᠳᠤᠭᠳᠠᠭᠰᠠᠨ ᠭᠠᠵᠠᠷ ᠲᠤ ᠶᠠᠳᠠᠭᠤ ᠶᠢ ᠳᠡᠳᠬᠦᠬᠦ ᠠᠵᠢᠯ ᠢ | ᠦᠷᠬᠦᠯᠵᠢᠯᠡᠨ ᠬᠦᠨᠵᠡᠬᠡᠶᠢᠷᠡᠬᠦᠯᠵᠤ᠂ ᠡᠯ᠎ᠡ ᠬᠠᠪᠰᠤᠷᠤᠨ ᠳᠡᠳᠬᠦᠬᠦ ᠰᠠᠯᠠᠭ᠎ᠠ ᠮᠦᠴᠢᠷ ᠤᠨ ᠦᠢᠯᠡᠳᠦᠯ ᠢ | ᠪᠦᠳᠦᠮᠵᠢᠳᠡᠢ ᠪᠠᠳᠠᠷᠠᠭᠤᠯᠵᠤ᠂ ᠶᠠᠳᠠᠭᠤ ᠬᠦᠴᠢᠷᠳᠡᠯᠳᠡᠢ ᠭᠠᠴᠠᠭᠠᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ | ᠭᠤᠤᠯᠴᠢᠯᠠᠨ ᠰᠠᠶᠢᠵᠢᠷᠠᠭᠤᠯᠵᠤ᠂ ᠬᠦᠴᠢᠷᠳᠡᠯᠳᠡᠢ ᠬᠡᠷ ᠪᠦᠯᠢ ᠶᠢᠨ ᠡᠮᠴᠢᠯᠡᠭᠡ᠂ ᠨᠡᠶᠢᠬᠡᠮ ᠤᠨ ᠪᠠᠳᠤᠯᠠᠪᠤᠷᠢ᠂ ᠠᠵᠢᠯ | ᠤᠯᠭᠤᠯᠳᠠ ᠵᠢᠴᠢ ᠦᠷ᠎ᠡ ᠬᠡᠦᠬᠡᠳ ᠤᠨ ᠰᠤᠷᠭᠠᠭᠤᠯᠢ ᠳᠤ ᠰᠠᠭᠤᠬᠤ ᠵᠡᠷᠬᠡ ᠠᠰᠠᠭᠤᠳᠠᠯ ᠢ ᠰᠠᠶᠢᠳᠤᠷ | ᠰᠢᠢᠳᠪᠦᠷᠢᠯᠡᠵᠤ᠂ ᠶᠠᠳᠠᠭᠤ ᠶᠢ ᠳᠡᠳᠬᠦᠬᠦ ᠦᠷ᠎ᠡ ᠪᠦᠳᠦᠮᠵᠢ ᠶᠢ ᠬᠠᠮᠤᠭ ᠶᠡᠭᠡ ᠬᠡᠮᠵᠢᠶ᠎ᠡ ᠪᠠᠷ ᠳᠡᠬᠡᠭᠰᠢᠯᠡᠬᠦᠯᠦᠨ᠎ᠡ᠃ | ᠬᠠᠮᠢᠶ᠎ᠠ ᠪᠦᠬᠦᠢ ᠬᠠᠪᠰᠤᠷᠤᠨ ᠳᠡᠮᠵᠢᠬᠦ ᠳᠦᠷᠦ ᠶᠢᠨ ᠪᠤᠳᠤᠯᠭ᠎ᠠ ᠶᠢ ᠳᠤᠭᠳᠠᠭᠠᠵᠤ᠂ ᠮᠠᠯᠵᠢᠬᠤ ᠤᠷᠤᠨ ᠳᠤ ᠳᠠᠷᠬᠠᠨ | ᠰᠠᠭᠤᠷᠢᠰᠢᠭ᠎ᠠ ᠮᠠᠯᠴᠢᠳ ᠬᠤᠳᠠ ᠪᠠᠯᠭᠠᠰᠤᠨ ᠳᠤ ᠰᠢᠯᠵᠢᠬᠦ ᠶᠢ ᠵᠤᠷᠢᠭᠵᠢᠭᠤᠯᠤᠨ᠎ᠠ᠃ ᠬᠤᠳᠠ ᠳᠤ ᠤᠷᠤᠭᠰᠠᠨ | ᠮᠠᠯᠴᠢᠨ ᠳᠠᠷᠢᠶᠠᠴᠢᠳ ᠪᠠ ᠬᠤᠳᠠ ᠪᠠᠯᠭᠠᠰᠤᠨ ᠤ ᠰᠠᠭᠤᠭᠠᠯᠢ ᠠᠷᠠᠳ ᠨᠡᠶᠢᠬᠡᠮ ᠤᠨ ᠪᠠᠳᠤᠯᠠᠪᠤᠷᠢ᠂ ᠨᠡᠶᠢᠬᠡᠮ ᠤᠨ | ᠦᠢᠯᠡᠴᠢᠯᠡᠬᠡᠨ ᠤ ᠳᠠᠯ᠎ᠠ ᠪᠠᠷ ᠠᠳᠠᠯᠢ ᠳᠡᠭᠰᠢ ᠪᠠᠶᠢᠬᠤ ᠶᠢ ᠳᠦᠯᠬᠢᠨ ᠠᠬᠢᠭᠤᠯᠵᠤ᠂ ᠬᠤᠳᠠ ᠳᠤ ᠤᠷᠤᠭᠰᠠᠨ | ᠮᠠᠯᠴᠢᠨ ᠳᠠᠷᠢᠶᠠᠴᠢᠳ ᠢ ᠵᠢᠩᠬᠢᠨᠢ ᠬᠤᠳᠠ ᠶᠢᠨ ᠠᠷᠠᠳ ᠪᠤᠯᠭᠠᠵᠤ᠂ ᠬᠤᠳᠠ ᠪᠠᠯᠭᠠᠰᠤᠨ ᠳᠤ ᠠᠭᠤᠰᠤᠨ᠂ ᠤᠳᠤ | ᠦᠶ᠎ᠡ ᠶᠢᠨ ᠪᠤᠯᠪᠠᠰᠤᠨ ᠢ ᠬᠠᠮᠳᠤᠪᠠᠷ ᠡᠳ᠋ᠯᠡᠬᠦ ᠪᠤᠯᠭᠠᠨ᠎ᠠ᠃ | ᠰᠤᠷᠭᠠᠨ ᠬᠦᠮᠦᠵᠢᠯ ᠤᠨ ᠦᠢᠯᠡᠰ ᠢ ᠡᠩ ᠳᠡᠷᠢᠬᠦᠨ ᠳᠤ ᠬᠦᠭᠵᠢᠬᠦᠯᠦᠨ᠎ᠡ᠃ ᠪᠦᠬᠦ ᠠᠶᠢᠮᠠᠭ ᠤᠨ ᠰᠤᠷᠭᠠᠨ | ᠬᠦᠮᠦᠵᠢᠯ ᠤᠨ ᠦᠬᠡᠷᠡᠴᠢᠯᠡᠯᠳᠡ ᠬᠦᠭᠵᠢᠯᠳᠡ ᠶᠢ ᠳᠦᠷᠬᠡᠳᠬᠡᠬᠦ ᠳᠤᠬᠠᠢ ᠰᠠᠨᠠᠯ ᠢ ᠪᠦᠬᠦ ᠳᠠᠯ᠎ᠠ ᠪᠠᠷ | ᠨᠠᠶᠢᠳᠠᠪᠦᠷᠢᠵᠢᠭᠤᠯᠵᠤ᠂ ᠪᠠᠭᠰᠢ ᠶᠢᠨ ᠮᠤᠷᠠᠯ ᠰᠤᠷᠳᠠᠯ ᠪᠠ ᠰᠤᠷᠤᠭᠴᠢ ᠶᠢᠨ ᠦᠵᠡᠯ ᠰᠠᠨᠠᠭ᠎ᠠ ᠶᠤᠰᠤ ᠰᠤᠷᠳᠠᠬᠤᠨ | ᠤ ᠪᠠᠶᠢᠭᠤᠯᠤᠯᠳᠠ ᠶᠢ ᠬᠦᠴᠦ ᠳᠠᠯᠪᠢᠨ ᠴᠢᠩᠭᠠᠳᠬᠠᠵᠤ᠂ ᠪᠠᠭᠰᠢ ᠶᠢᠨ ᠡᠩᠨᠡᠬᠡᠨ ᠤ ᠬᠡᠪ ᠪᠤᠯᠪᠠᠰᠤᠷᠠᠯ ᠢ | ᠶᠡᠬᠡᠪᠡᠷ ᠳᠡᠬᠡᠭᠰᠢᠯᠡᠬᠦᠯᠦᠨ᠂ ᠰᠤᠷᠤᠭᠴᠢᠳ ᠤᠨ ᠪᠡᠶ᠎ᠡ ᠰᠡᠳᠬᠢᠴᠡ ᠶᠢᠨ ᠡᠷᠡᠬᠦᠯ ᠮᠡᠨᠳᠤ ᠶᠢ ᠠᠬᠢᠭᠤᠯᠤᠨ᠎ᠠ︔ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠶᠢ ᠬᠦᠨᠵᠡᠬᠡᠶᠢᠷᠡᠬᠦᠯᠦᠨ ᠠᠬᠢᠭᠤᠯᠵᠤ᠂ | ᠵᠢᠭᠠᠨ ᠰᠤᠳᠤᠯᠤᠯᠳᠠ ᠰᠤᠷᠭᠠᠨ ᠬᠦᠮᠦᠵᠢᠯ ᠤᠨ ᠦᠬᠡᠷᠡᠴᠢᠯᠡᠯᠳᠡ ᠬᠢᠬᠦ ᠪᠠᠨ ᠳᠦᠷᠬᠡᠳᠬᠡᠨ᠂ ᠵᠢᠭᠠᠨ ᠰᠤᠷᠭᠠᠬᠤ | ᠶᠠᠰᠤ ᠴᠢᠨᠠᠷ ᠪᠠ ᠬᠢᠷᠢ ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠦᠨ᠎ᠡ᠃ ᠦᠨᠳᠦᠰᠦᠳᠡᠨ ᠤ ᠰᠤᠷᠭᠠᠨ ᠬᠦᠮᠦᠵᠢᠯ | ᠢ ᠡᠩ ᠳᠡᠷᠢᠬᠦᠨ ᠳᠤ ᠭᠤᠤᠯᠳᠠᠯᠭ᠎ᠠ ᠲᠠᠢ ᠬᠦᠭᠵᠢᠬᠦᠯᠦᠨ᠂ ᠦᠨᠳᠦᠰᠦᠳᠡᠨ ᠤ ᠤᠨᠴᠠᠯᠢᠭ ᠲᠠᠢ ᠰᠤᠷᠭᠠᠭᠤᠯᠢ ᠶᠢ | ᠴᠤᠭᠴᠠᠯᠠᠨ ᠪᠠᠶᠢᠭᠤᠯᠬᠤ ᠶᠢ ᠰᠠᠶᠢᠳᠤᠷ ᠠᠳᠬᠤᠨ᠎ᠠ᠃ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ | ᠭᠤᠷᠪᠠᠨᠵᠢᠯ ᠤᠨ ᠠᠵᠢᠯᠯᠠᠭ᠎ᠠ ᠶᠢᠨ ᠳᠦᠯᠦᠪᠯᠡᠭᠡ ᠶᠢ ᠳᠦᠷᠬᠡᠳᠬᠡᠨ ᠬᠡᠷᠡᠭᠵᠢᠬᠦᠯᠦᠨ᠎ᠡ᠃ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ ᠣᠨᠰᠠᠭᠤᠷᠢ ᠳᠦᠬᠦᠬᠡᠷᠦᠮᠵᠢ ᠶᠢ ᠦᠷᠬᠦᠯᠵᠢᠯᠡᠨ ᠳᠡᠬᠦᠯᠳᠡᠷᠵᠢᠬᠦᠯᠵᠤ᠂ 2 | ᠬᠡᠦᠬᠡᠳ ᠤᠨ ᠴᠡᠴᠡᠷᠯᠢᠭ᠂ 4 ᠳᠤᠮᠳᠠᠳᠤ ᠪᠠᠭ᠎ᠠ ᠰᠤᠷᠭᠠᠭᠤᠯᠢ ᠶᠢᠨ ᠳᠠᠮᠢᠷ ᠤᠨ ᠬᠦᠳᠡᠯᠬᠡᠬᠡᠨ ᠤ ᠳᠠᠰᠤᠭ ᠪᠠ 4 | ᠰᠤᠮᠤ ᠪᠠᠯᠭᠠᠰᠤᠨ ᠤ ᠪᠠᠭ᠎ᠠ ᠬᠡᠯᠪᠡᠷᠢ ᠶᠢᠨ ᠪᠡᠶ᠎ᠡ ᠴᠢᠬᠢᠷᠠᠭᠵᠢᠭᠤᠯᠬᠤ ᠳᠦᠪ ᠤᠨ ᠪᠦᠳᠦᠬᠡᠨ ᠪᠠᠶᠢᠭᠤᠯᠤᠯᠳᠠ ᠶᠢ | ᠳᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠢᠶᠠᠷ ᠰᠤᠷᠤᠯᠭ᠎ᠠ ᠳᠡᠳᠬᠦᠬᠦ᠂ ᠠᠵᠢᠯᠴᠢᠨ ᠤ ᠡᠪᠯᠡᠯ ᠠᠴᠠ | ᠬᠦᠴᠢᠷ ᠢ ᠬᠠᠪᠰᠤᠷᠬᠤ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ ᠤᠨ ᠳᠦᠬᠡᠮᠡᠯ ᠬᠠᠶᠢᠷ᠎ᠠ ᠶᠢᠨ ᠳᠤᠰᠠᠯᠠᠮᠵᠢ | ᠬᠦᠷᠳᠡᠬᠡᠬᠦ ᠵᠡᠷᠬᠡ ᠨᠡᠶᠢᠬᠡᠮ ᠤᠨ ᠳᠤᠰᠠᠯᠠᠮᠵᠢ ᠶᠢᠨ ᠪᠡᠯᠡ ᠮᠦᠩᠬᠦ ᠶᠢ ᠨᠢᠬᠡᠳᠬᠡᠨ ᠨᠡᠶᠢᠯᠡᠬᠦᠯᠵᠤ᠂ ᠬᠦᠴᠢᠷᠳᠡᠯᠳᠡᠢ ᠬᠡᠷ | ᠪᠦᠯᠢ ᠶᠢᠨ ᠰᠤᠷᠤᠭᠴᠢᠳ ᠢ ᠠᠪᠤᠷᠠᠨ ᠳᠤᠰᠠᠯᠠᠬᠤ ᠠᠵᠢᠯ ᠢ ᠰᠠᠶᠢᠳᠤᠷ ᠬᠢᠵᠤ᠂ ᠶᠠᠳᠠᠭᠤ ᠬᠦᠴᠢᠷᠳᠡᠯᠳᠡᠢ ᠬᠡᠷ | ᠪᠦᠯᠢ ᠶᠢᠨ ᠬᠡᠦᠬᠡᠳ ᠢ ᠡᠬᠢᠯᠡᠯᠳᠡ ᠶᠢᠨ ᠱᠤᠭᠤᠮ ᠳᠡᠬᠡᠷ᠎ᠡ ᠪᠤᠰᠤᠳ ᠠᠴᠠ ᠬᠤᠴᠤᠷᠭᠠᠬᠤ ᠦᠬᠡᠢ ᠪᠠᠶᠢᠯᠭᠠᠨ᠎ᠠ᠃ | ᠡᠮ ᠡᠮᠨᠡᠯᠬᠡ ᠡᠷᠡᠬᠦᠯ ᠬᠠᠮᠠᠭᠠᠯᠠᠯ ᠤᠨ ᠦᠢᠯᠡᠰ ᠢ ᠶᠡᠬᠡᠪᠡᠷ ᠬᠦᠭᠵᠢᠬᠦᠯᠦᠨ᠎ᠡ᠃ ᠡᠮ ᠡᠮᠨᠡᠯᠬᠡ ᠡᠷᠡᠬᠦᠯ ᠬᠠᠮᠠᠭᠠᠯᠠᠯ | ᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠬᠦᠯᠵᠢᠯᠡᠨ ᠳᠦᠯᠬᠢᠨ ᠠᠬᠢᠭᠤᠯᠵᠤ᠂ ᠤᠯᠤᠰ ᠤᠨ ᠦᠨᠳᠦᠰᠦᠨ | ᠡᠮ ᠤᠨ ᠳᠦᠷᠢᠮ ᠢ ᠬᠡᠷᠡᠭᠵᠢᠬᠦᠯᠦᠨ᠂ ᠠᠯᠪᠠᠨ ᠠᠴᠠ ᠪᠠᠶᠢᠭᠤᠯᠤᠭᠰᠠᠨ ᠡᠮᠨᠡᠯᠬᠡ ᠶᠢᠨ ᠬᠤᠷᠢᠶᠠᠨ ᠤ | ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠳᠦᠷᠬᠡᠳᠬᠡᠨ᠎ᠡ᠃ ᠡᠮᠴᠢ ᠶᠢᠨ ᠡᠩᠨᠡᠭᠡ ᠪᠠ ᠡᠮ ᠡᠮᠨᠡᠯᠬᠡ ᠡᠷᠡᠬᠦᠯ ᠬᠠᠮᠠᠭᠠᠯᠠᠯ | ᠤᠨ ᠦᠢᠯᠡᠴᠢᠯᠡᠬᠡᠨ ᠤ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠤ᠂ ᠬᠢᠳᠡᠳ ᠮᠤᠩᠭᠤᠯ ᠡᠮ ᠡᠮᠨᠡᠯᠬᠡ | ᠶᠢᠨ ᠦᠢᠯᠡᠰ ᠤᠨ ᠬᠦᠭᠵᠢᠯᠳᠡ ᠶᠢ ᠶᠡᠬᠡᠪᠡᠷ ᠳᠡᠳᠬᠦᠵᠤ᠂ ᠬᠤᠰᠢᠭᠤᠨ ᠤ ᠬᠢᠳᠠᠳ ᠮᠤᠩᠭᠤᠯ ᠡᠮᠨᠡᠯᠬᠡ ᠶᠢᠨ | ᠬᠤᠷᠢᠶᠠᠨ ᠤ ᠶᠡᠷᠦᠩᠬᠡᠶᠢᠯᠡᠭᠰᠡᠨ ᠠᠰᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠤ᠂ ᠦᠨᠳᠦᠰᠦᠨ ᠱᠠᠳᠤᠨ ᠤ | ᠰᠤᠮᠤ ᠶᠢᠨ 5 ᠡᠷᠡᠬᠦᠯ ᠬᠠᠮᠠᠭᠠᠯᠠᠯ ᠤᠨ ᠬᠤᠷᠢᠶ᠎ᠠ ᠶᠢ ᠡᠬᠢᠯᠡᠵᠤ ᠪᠦᠳᠦᠬᠡᠨ ᠪᠠᠶᠢᠭᠤᠯᠤᠨ᠎ᠠ᠃ ᠰᠤᠮᠤ ᠪᠠᠯᠭᠠᠰᠤᠨ ᠤ | ᠡᠷᠡᠬᠦᠯ ᠬᠠᠮᠠᠭᠠᠯᠠᠯ ᠤᠨ ᠬᠤᠷᠢᠶ᠎ᠠ᠂ ᠬᠤᠰᠢᠭᠤᠨ ᠤ ᠳᠡᠰ ᠤᠨ ᠡᠮᠨᠡᠯᠬᠡ ᠶᠢᠨ ᠪᠠᠶᠢᠭᠤᠯᠤᠮᠵᠢ ᠶᠢᠨ ᠪᠠᠴᠢᠮ | ᠠᠪᠤᠷᠠᠯᠳᠠ ᠬᠢᠬᠦ᠂ ᠰᠢᠯᠵᠢᠬᠦᠯᠦᠨ ᠤᠨᠤᠰᠢᠯᠠᠬᠤ ᠴᠢᠳᠠᠪᠤᠷᠢ ᠶᠢᠨ ᠪᠠᠶᠢᠭᠤᠯᠤᠯᠳᠠ ᠶᠢ ᠢᠳᠡᠪᠬᠢᠳᠡᠢ ᠳᠦᠯᠬᠢᠨ | ᠠᠬᠢᠭᠤᠯᠵᠤ᠂ ᠭᠠᠴᠠᠭ᠎ᠠ ᠳᠤᠰᠬᠤᠨ ᠤ ᠡᠷᠡᠬᠦᠯ ᠬᠠᠮᠠᠭᠠᠯᠠᠯ ᠤᠨ ᠳᠠᠰᠤᠭ ᠤᠨ ᠡᠮᠴᠢᠯᠡᠬᠡᠨ ᠤ ᠨᠦᠬᠦᠴᠡᠯ ᠢ | ᠰᠠᠶᠢᠵᠢᠷᠠᠭᠤᠯᠵᠤ᠂ ᠰᠢᠨ᠎ᠡ ᠬᠡᠯᠪᠡᠷᠢ ᠶᠢᠨ ᠮᠠᠯᠵᠢᠬᠤ ᠳᠠᠷᠢᠶᠠᠯᠠᠬᠤ ᠤᠷᠤᠨ ᠤ ᠬᠤᠷᠰᠢᠭᠰᠠᠨ ᠡᠮᠨᠡᠯᠬᠡ ᠶᠢᠨ | ᠬᠠᠮᠢᠶᠠᠷᠤᠯᠳᠠ ᠦᠢᠯᠡᠴᠢᠯᠡᠬᠡᠨ ᠤ ᠳᠦᠪᠰᠢᠨ ᠢ ᠳᠡᠬᠡᠭᠰᠢᠯᠡᠬᠦᠯᠦᠨ᠎ᠡ᠃ ᠵᠢᠯ ᠪᠦᠷᠢ 70 ᠳᠦᠮᠡᠨ ᠳᠦᠬᠦᠷᠢᠭ ᠤᠨ | ᠪᠡᠯᠡ ᠤᠷᠤᠭᠤᠯᠵᠤ᠂ ᠬᠡᠷ ᠪᠦᠯᠢ ᠶᠢᠨ ᠡᠮ ᠤᠨ ᠬᠠᠶᠢᠷᠴᠠᠭ ᠤᠨ ᠡᠮ ᠢ ᠨᠦᠬᠦᠪᠦᠷᠢᠯᠡᠬᠦ ᠠᠵᠢᠯ ᠢ ᠰᠠᠶᠢᠳᠤᠷ ᠬᠢᠨ᠎ᠡ᠃ | ᠵᠠᠬ᠎ᠠ ᠳᠡᠯᠬᠡᠬᠦᠷ ᠤᠨ ᠬᠢᠨᠠᠨ ᠬᠠᠮᠢᠶᠠᠷᠤᠯᠳᠠ ᠪᠠᠨ ᠴᠢᠩᠭᠠᠳᠬᠠᠨ᠂ ᠢᠳᠡᠬᠡᠨ ᠤ ᠵᠦᠢᠯ ᠡᠮ ᠤᠨ ᠵᠦᠢᠯᠡᠰ ᠤᠨ | ᠠᠮᠤᠷ ᠳᠦᠪᠰᠢᠨ ᠢ ᠦᠨᠡᠨᠬᠦ ᠪᠠᠳᠤᠯᠠᠨ᠎ᠠ᠃ ᠳᠦᠷᠦᠬᠦ ᠬᠡᠦᠬᠡᠳ ᠤᠨ ᠴᠢᠨᠠᠷ ᠴᠢᠨᠰᠠᠭ᠎ᠠ ᠶᠢ ᠳᠡᠬᠡᠭᠰᠢᠯᠡᠬᠦᠯᠵᠤ᠂ | ᠳᠤᠤᠷ᠎ᠠ ᠳᠦᠷᠦᠯᠳᠡ ᠶᠢᠨ ᠬᠢᠷᠢ ᠳᠦᠪᠰᠢᠨ ᠢ ᠳᠤᠭᠳᠠᠪᠤᠷᠢᠵᠢᠭᠤᠯᠤᠨ᠂《 ᠬᠤᠶᠠᠳᠤᠭᠠᠷ ᠬᠡᠦᠬᠡᠳ | ᠠᠪᠬᠤ》ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠬᠦᠮᠦᠨ ᠠᠮᠠ ᠶᠢᠨ ᠳᠦᠷᠦᠯᠳᠡ ᠶᠢᠨ ᠨᠤᠷᠮ᠎ᠠ | ᠶᠢ 10.5‰ ᠳᠤᠳᠤᠷ᠎ᠠ ᠬᠢᠵᠠᠭᠠᠷᠯᠠᠨ᠎ᠠ᠃ | ᠰᠢᠨᠵᠢᠯᠡᠭᠡ ᠮᠡᠷᠬᠡᠵᠢᠯ ᠰᠤᠶᠤᠯ ᠤᠨ ᠦᠢᠯᠡᠰ ᠢ ᠳᠦᠷᠬᠡᠳᠬᠡᠨ ᠠᠬᠢᠭᠤᠯᠤᠨ᠎ᠠ᠃ ᠰᠢᠨᠵᠢᠯᠡᠭᠡ ᠮᠡᠷᠬᠡᠵᠢᠯ ᠤᠨ | ᠴᠢᠳᠠᠪᠤᠷᠢᠳᠠᠨ ᠢ ᠤᠷᠢᠨ ᠤᠷᠤᠭᠤᠯᠬᠤ ᠪᠠ ᠬᠦᠮᠦᠵᠢᠬᠦᠯᠬᠦ ᠪᠠᠨ ᠴᠢᠩᠭᠠᠳᠬᠠᠨ᠂ ᠠᠵᠤ ᠠᠬᠤᠶᠢᠯᠠᠯ ᠤᠨ ᠪᠡᠶ᠎ᠡ ᠪᠠᠨ | ᠳᠠᠭᠠᠭᠠᠵᠤ ᠰᠢᠨ᠎ᠡ ᠶᠢ ᠡᠬᠦᠳᠬᠦ ᠪᠠ ᠮᠡᠷᠬᠡᠵᠢᠯ ᠤᠨ ᠦᠬᠡᠷᠡᠴᠢᠯᠡᠯᠳᠡ ᠬᠢᠬᠦ ᠶᠢ ᠵᠤᠷᠢᠭᠵᠢᠭᠤᠯᠵᠤ ᠳᠡᠮᠵᠢᠨ᠂ | ᠰᠢᠨᠵᠢᠯᠡᠭᠡ ᠮᠡᠷᠬᠡᠵᠢᠯ ᠠᠴᠠ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠬᠦ | ᠬᠤᠪᠢ ᠨᠡᠮᠡᠷᠢ ᠶᠢ ᠨᠡᠮᠡᠭᠳᠡᠬᠦᠯᠦᠨ᠎ᠡ᠃ ᠪᠠᠶᠠᠨᠬᠤᠳᠠ ᠶᠢᠨ ᠬᠤᠳᠠ ᠶᠢᠨ ᠪᠠᠷᠠᠭᠤᠨ ᠳᠤᠭᠤᠷᠢᠭ ᠤᠨ 4 ᠰᠠᠶ᠎ᠠ ᠸᠠᠲ | ᠤᠨ ᠨᠡᠶᠢᠳᠡ ᠶᠢᠨ ᠪᠠᠷᠢᠯᠭ᠎ᠠ ᠶᠢᠨ ᠬᠡᠷᠡᠯ ᠴᠠᠬᠢᠯᠭᠠᠨ ᠢ ᠨᠢᠬᠡ ᠴᠤᠭᠴᠠᠵᠢᠭᠤᠯᠤᠭᠰᠠᠨ ᠬᠡᠷᠡᠭᠯᠡᠬᠡᠨ ᠤ ᠵᠢᠱᠢᠶ᠎ᠡ | ᠦᠵᠡᠬᠦᠯᠬᠦ ᠳᠦᠷᠦᠯ ᠵᠦᠢᠯ ᠢ ᠬᠡᠷᠡᠭᠵᠢᠬᠦᠯᠦᠨ᠎ᠡ᠃ ᠰᠢᠨᠵᠢᠯᠡᠭᠡ ᠮᠡᠷᠬᠡᠵᠢᠯ ᠤᠨ ᠤᠨᠴᠠ ᠳᠤᠮᠢᠯᠠᠭᠴᠢ ᠶᠢᠨ ᠳᠦᠷᠢᠮ | ᠢ ᠬᠦᠨᠵᠡᠬᠡᠶᠢᠷᠡᠬᠦᠯᠵᠤ᠂ ᠬᠡᠷᠡᠭᠯᠡᠬᠡᠨ ᠤ ᠮᠡᠷᠬᠡᠵᠢᠯ ᠢ ᠳᠦᠬᠡᠮᠡᠯᠵᠢᠬᠦᠯᠵᠤ ᠬᠡᠷᠡᠭᠯᠡᠬᠦ ᠪᠠᠨ ᠴᠢᠩᠭᠠᠳᠬᠠᠵᠤ᠂ ᠵᠢᠯ | ᠤᠨ ᠳᠤᠳᠤᠷ᠎ᠠ 1.2 ᠳᠦᠮᠡᠨ ᠬᠦᠮᠦᠨ ᠤᠳᠠᠭ᠎ᠠ ᠶᠢᠨ ᠮᠠᠯᠴᠢᠨ ᠳᠠᠷᠢᠶᠠᠴᠢᠨ ᠳᠤ ᠪᠤᠯᠪᠠᠰᠤᠷᠠᠯ ᠬᠦᠷᠳᠡᠬᠡᠨ᠎ᠡ᠃ | ᠰᠤᠶᠤᠯ ᠤᠨ ᠦᠢᠯᠡᠰ ᠤᠨ ᠬᠦᠭᠵᠢᠯᠳᠡ ᠶᠢ ᠳᠦᠷᠬᠡᠳᠬᠡᠵᠤ᠂ ᠰᠤᠶᠤᠯ ᠤᠨ ᠦᠢᠯᠡᠴᠢᠯᠡᠬᠡᠨ ᠤ ᠰᠢᠰᠲ᠋ᠧᠮ ᠪᠠ | ᠴᠢᠳᠠᠪᠤᠷᠢᠳᠠᠨ ᠤ ᠡᠩᠨᠡᠬᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠤᠯᠠᠮᠵᠢᠯᠠᠯᠳᠤ ᠰᠤᠶᠤᠯ ᠪᠠ ᠪᠤᠳᠠᠰ ᠤᠨ | ᠪᠤᠰᠤ ᠰᠤᠶᠤᠯ ᠤᠨ ᠦᠪ ᠢ ᠠᠭᠤᠳᠠᠯᠯᠠᠵᠤ᠂ ᠬᠠᠮᠠᠭᠠᠯᠠᠬᠤ ᠪᠠ ᠤᠯᠠᠮᠵᠢᠯᠠᠨ ᠬᠦᠭᠵᠢᠬᠦᠯᠬᠦ ᠪᠠᠨ ᠴᠢᠩᠭᠠᠳᠬᠠᠵᠤ᠂ | ᠰᠤᠶᠤᠯ ᠤᠨ ᠰᠤᠳᠤᠨ ᠪᠦᠳᠦᠬᠡᠯ ᠵᠤᠬᠢᠶᠠᠨ ᠪᠦᠳᠦᠬᠡᠬᠦ ᠠᠵᠢᠯ ᠢ ᠦᠷᠨᠢᠬᠦᠯᠵᠤ᠂《 ᠳᠡᠭᠷᠢ ᠶᠢᠨ ᠪᠤᠳᠤᠭᠤ》 | ᠮᠤᠩᠭᠤᠯ ᠰᠢᠯᠦᠭ ᠤᠨ ᠨᠠᠭᠠᠳᠤᠮ ᠢ ᠦᠷᠬᠦᠯᠵᠢᠯᠡᠨ ᠰᠠᠶᠢᠳᠤᠷ ᠡᠷᠬᠢᠯᠡᠵᠤ᠂《 ᠴᠢᠯᠠᠭᠤᠨ ᠬᠦᠭᠵᠢᠮᠳᠡᠬᠦᠷ ᠤᠨ | ᠳᠠᠭᠤᠤ ᠬᠦᠭᠵᠢᠮ ᠤᠨ ᠦᠳᠡᠰᠢᠯᠡᠭᠡ》 ᠶᠢ ᠡᠬᠦᠳᠦᠨ᠎ᠡ︔ ᠮᠠᠯᠵᠢᠬᠤ ᠳᠠᠷᠢᠶᠠᠯᠠᠬᠤ ᠤᠷᠤᠨ ᠤ《 ᠤᠪᠤᠭᠠᠨ | ᠨᠠᠶᠢᠷ》 ᠵᠡᠷᠬᠡ ᠦᠨᠳᠦᠰᠦᠳᠡᠨ ᠤ ᠠᠷᠠᠳ ᠤᠨ ᠳᠤᠮᠳᠠᠬᠢ ᠰᠤᠶᠤᠯ ᠤᠨ ᠠᠵᠢᠯᠯᠠᠭ᠎ᠠ ᠶᠢ ᠵᠢᠯᠤᠭᠤᠳᠤᠨ | ᠳᠡᠮᠵᠢᠨ᠎ᠡ᠃ ᠰᠤᠶᠤᠯ ᠤᠨ ᠮᠡᠳᠡᠭᠡ ᠵᠠᠩᠬᠢ ᠶᠢᠨ ᠡᠬᠢ ᠰᠤᠷᠪᠤᠯᠵᠢ ᠶᠢ ᠬᠠᠮᠳᠤᠪᠠᠷ ᠡᠳ᠋ᠯᠡᠬᠦ ᠵᠡᠷᠬᠡ ᠰᠤᠶᠤᠯ ᠢᠶᠠᠷ | ᠠᠷᠠᠳ ᠢ ᠬᠠᠷᠠᠭᠠᠯᠵᠠᠬᠤ ᠢᠨᠵᠧᠨᠧᠷᠢᠩ ᠢ ᠦᠷᠬᠦᠯᠵᠢᠯᠡᠨ ᠬᠡᠷᠡᠭᠵᠢᠬᠦᠯᠵᠤ᠂ ᠰᠤᠮᠤ ᠪᠠᠯᠭᠠᠰᠤᠨ ᠤ | ᠶᠡᠷᠦᠩᠬᠡᠶᠢᠯᠡᠭᠰᠡᠨ ᠰᠤᠶᠤᠯ ᠤᠨ ᠦᠷᠳᠡᠬᠡᠨ ᠤ ᠳᠦᠬᠦᠷ ᠳᠦᠬᠦᠬᠡᠷᠦᠮᠵᠢ ᠶᠢ ᠤᠯᠠᠮ ᠨᠢᠬᠡ ᠠᠯᠬᠤᠮ | ᠰᠠᠶᠢᠵᠢᠷᠠᠭᠤᠯᠤᠨ᠎ᠠ᠃ ᠪᠦᠬᠦ ᠤᠯᠤᠰ ᠤᠨ ᠭᠤᠷᠪᠠᠳᠤᠭᠠᠷ ᠤᠳᠠᠭᠠᠨ ᠤ ᠠᠵᠤ ᠠᠬᠤᠢ ᠶᠢᠨ ᠨᠡᠶᠢᠳᠡᠮ | ᠪᠠᠶᠢᠴᠠᠭᠠᠯᠳᠠ ᠪᠠ ᠠᠩᠬᠠᠳᠠᠭᠴᠢ ᠤᠳᠠᠭᠠᠨ ᠤ ᠰᠢᠯᠵᠢᠬᠦᠯᠵᠤ ᠪᠤᠯᠬᠤ ᠳᠡᠦᠬᠡ ᠶᠢᠨ ᠳᠤᠷᠠᠰᠬᠠᠯᠳᠤ ᠵᠦᠢᠯ ᠤᠨ | ᠨᠡᠶᠢᠳᠡᠮ ᠪᠠᠶᠢᠴᠠᠭᠠᠯᠳᠠ ᠶᠢ ᠰᠠᠶᠢᠳᠤᠷ ᠦᠷᠨᠢᠬᠦᠯᠦᠨ᠎ᠡ᠃ ᠨᠡᠶᠢᠬᠡᠮ ᠤᠨ ᠦᠩᠬᠡᠨ ᠬᠡᠷᠡᠭᠯᠡᠬᠡᠨ ᠳᠤ ᠮᠤᠩᠭᠤᠯ ᠬᠢᠳᠠᠳ | ᠬᠤᠶᠠᠷ ᠬᠡᠯᠡ ᠶᠢ ᠵᠡᠷᠬᠡᠪᠡᠷ ᠬᠡᠷᠡᠭᠯᠡᠬᠦ ᠠᠵᠢᠯ ᠢ ᠴᠢᠩᠭᠠᠳᠬᠠᠵᠤ᠂ ᠦᠨᠳᠦᠰᠦᠳᠡᠨ ᠤ ᠠᠵᠢᠯ ᠦᠢᠯᠡᠰ ᠤᠨ | ᠬᠦᠭᠵᠢᠯᠳᠡ ᠶᠢ ᠠᠬᠢᠭᠤᠯᠤᠨ᠂ ᠡᠷᠬᠡ ᠳᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ | ᠵᠤᠬᠢᠴᠠᠩᠭᠤᠢ ᠨᠡᠶᠢᠬᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠪᠠᠬᠢᠵᠢᠬᠦᠯᠦᠨ ᠬᠦᠭᠵᠢᠬᠦᠯᠦᠨ᠎ᠡ᠃ ᠬᠤᠶᠠᠷ | ᠢ ᠬᠦᠷᠢᠶᠡᠯᠡᠵᠤ ᠬᠠᠮᠳᠤᠪᠠᠷ ᠪᠠᠶᠢᠭᠤᠯᠬᠤ ᠠᠵᠢᠯᠯᠠᠭ᠎ᠠ ᠶᠢ ᠶᠡᠬᠡᠪᠡᠷ ᠦᠷᠨᠢᠬᠦᠯᠵᠤ᠂《 ᠬᠤᠶᠠᠷ ᠢ ᠬᠦᠷᠢᠶᠡᠯᠡᠭᠰᠡᠨ | ᠵᠢᠱᠢᠶᠡᠴᠢ ᠬᠤᠰᠢᠭᠤ》 ᠶᠢᠨ ᠴᠤᠭᠴᠠᠯᠠᠯᠳᠠ ᠶᠢᠨ ᠦᠷ᠎ᠡ ᠪᠦᠳᠦᠮᠵᠢ ᠶᠢ ᠪᠠᠳᠤᠳᠬᠠᠨ᠎ᠠ᠃ | ︵ᠨᠠᠢᠮᠠ︶ ᠨᠡᠶᠢᠬᠡᠮ ᠤᠨ ᠬᠠᠮᠢᠶᠠᠷᠤᠯᠳᠠ ᠶᠢ ᠴᠢᠩᠭᠠᠳᠬᠠᠨ ᠰᠢᠨᠡᠴᠢᠯᠡᠵᠤ᠂ ᠨᠡᠶᠢᠬᠡᠮ ᠤᠨ ᠡᠶ᠎ᠡ ᠵᠤᠬᠢᠴᠠᠩᠭᠤᠢ | ᠠᠮᠤᠷ ᠳᠤᠭᠳᠠᠭᠤᠨ ᠢ ᠠᠬᠢᠭᠤᠯᠤᠨ᠎ᠠ᠃ | ᠨᠡᠶᠢᠬᠡᠮ ᠤᠨ ᠡᠷᠬᠡ ᠳᠡᠭᠰᠢ ᠳᠦᠪ ᠭᠤᠤᠯᠴᠢ ᠶᠢ ᠠᠬᠢᠭᠤᠯᠬᠤ ᠪᠠᠷ ᠤᠭ ᠵᠤᠷᠢᠯᠭ᠎ᠠ ᠪᠠᠨ ᠪᠤᠯᠭᠠᠵᠤ᠂ ᠨᠡᠶᠢᠬᠡᠮ | ᠤᠨ ᠵᠠᠰᠠᠯᠳᠠ ᠶᠢ ᠴᠢᠩᠭᠠᠳᠬᠠᠨ᠂ ᠨᠡᠶᠢᠬᠡᠮ ᠤᠨ ᠬᠦᠭᠵᠢᠯᠳᠡ ᠠᠮᠢᠵᠢᠷᠠᠯ ᠤᠨ ᠬᠦᠴᠦᠨ ᠪᠢᠯᠬᠠᠭᠰᠠᠨ ᠮᠦᠷᠳᠡᠬᠡᠨ | ᠡᠶ᠎ᠡ ᠨᠠᠶᠢᠷᠠᠮᠳᠠᠭᠤ ᠡᠮᠬᠢ ᠴᠡᠭᠴᠡ ᠲᠠᠢ ᠪᠠᠶᠢᠬᠤ ᠶᠢ ᠦᠨᠡᠨᠬᠦ ᠪᠠᠳᠤᠯᠠᠨ᠎ᠠ᠃ | ᠨᠡᠶᠢᠬᠡᠮ ᠤᠨ ᠵᠠᠰᠠᠯᠳᠠ ᠶᠢᠨ ᠬᠢᠷᠢ ᠳᠦᠪᠰᠢᠨ ᠢ ᠳᠡᠬᠡᠭᠰᠢᠯᠡᠬᠦᠯᠦᠨ᠎ᠡ᠃ ᠨᠡᠶᠢᠬᠡᠮ ᠤᠨ ᠳᠤᠭᠳᠠᠭᠤᠨ ᠤ ᠳᠦᠭᠰᠢᠬᠦᠷᠢ | ᠶᠢ ᠦᠨᠡᠯᠡᠬᠦ ᠳᠤᠭᠳᠠᠴᠠ ᠶᠢ ᠳᠡᠬᠦᠯᠳᠡᠷᠵᠢᠬᠦᠯᠵᠤ᠂《 ᠨᠢᠬᠡ ᠦᠷᠳᠡᠬᠡᠨ ᠤ ᠬᠡᠯᠪᠡᠷᠢᠳᠤ》 ᠵᠠᠬᠢᠳᠠᠯ | ᠰᠤᠷᠪᠤᠯᠵᠢᠯᠠᠭ᠎ᠠ ᠶᠢ ᠬᠠᠮᠳᠤᠷᠠᠨ ᠬᠦᠯᠢᠶᠡᠨ ᠠᠪᠬᠤ ᠳᠦᠪ ᠢ ᠪᠠᠶᠢᠭᠤᠯᠵᠤ᠂ ᠨᠡᠶᠢᠬᠡᠮ ᠤᠨ ᠵᠦᠷᠢᠴᠡᠯ ᠢ ᠡᠬᠢ | ᠡᠬᠦᠰᠦᠯ ᠠᠴᠠ ᠨᠢ ᠰᠡᠷᠬᠡᠶᠢᠯᠡᠵᠤ᠂ ᠪᠠᠶᠢᠴᠠᠭᠠᠵᠤ᠂ ᠨᠠᠮᠳᠠᠭᠤᠯᠤᠨ᠎ᠠ᠃ ᠮᠡᠳᠡᠭᠡ ᠵᠠᠩᠬᠢ ᠶᠢᠨ ᠳᠤᠤᠷ ᠰᠦᠯᠵᠢᠶᠡᠨ | ᠤ ᠬᠢᠨᠠᠨ ᠬᠠᠮᠢᠶᠠᠷᠤᠯᠳᠠ ᠶᠢ ᠳᠡᠬᠦᠯᠳᠡᠷᠵᠢᠬᠦᠯᠵᠤ᠂ ᠳᠤᠤᠷ ᠰᠦᠯᠵᠢᠶᠡᠨ ᠤ ᠮᠡᠳᠡᠭᠡ ᠵᠠᠩᠬᠢ ᠶᠢᠨ ᠬᠠᠮᠢᠶᠠᠷᠤᠯᠳᠠ ᠶᠢᠨ | ᠬᠢᠷᠢ ᠳᠦᠪᠰᠢᠨ ᠢ ᠳᠡᠬᠡᠭᠰᠢᠯᠡᠬᠦᠯᠦᠨ᠎ᠡ᠃ ᠵᠠᠬ᠎ᠠ ᠳᠡᠯᠬᠡᠬᠦᠷ ᠤᠨ ᠡᠮᠬᠢ ᠳᠢᠭᠯᠢᠮ ᠤᠨ ᠬᠢᠨᠠᠨ ᠬᠠᠮᠢᠶᠠᠷᠤᠯᠳᠠ ᠶᠢ | ᠦᠨᠡᠨᠬᠦ ᠴᠢᠩᠭᠠᠳᠬᠠᠵᠤ᠂ ᠡᠬᠢ ᠡᠬᠦᠰᠦᠯ ᠠᠴᠠ ᠨᠢ ᠴᠡᠭᠴᠡᠯᠡᠬᠦ ᠶᠢ ᠴᠢᠩᠭᠠᠳᠬᠠᠨ᠂ ᠦᠢᠯᠡᠳᠪᠦᠷᠢᠯᠡᠯ᠂ ᠬᠦᠢᠯᠬᠡᠬᠡ᠂ | ᠬᠡᠷᠡᠭᠯᠡᠭᠡ ᠶᠢ ᠬᠠᠮᠤᠷᠤᠭᠰᠠᠨ ᠪᠠᠶᠢᠩᠭᠤ ᠶᠢᠨ ᠪᠦᠳᠦᠮᠵᠢᠳᠤ ᠬᠢᠨᠠᠨ ᠬᠠᠮᠢᠶᠠᠷᠤᠯᠳᠠ ᠶᠢᠨ ᠳᠤᠭᠳᠠᠴᠠ ᠶᠢ ᠪᠠᠶᠢᠭᠤᠯᠤᠨ᠎ᠠ | ᠃ ᠪᠠᠴᠢᠮ ᠢ ᠠᠷᠭᠠᠴᠠᠭᠠᠬᠤ ᠬᠠᠮᠢᠶᠠᠷᠤᠯᠳᠠ ᠶᠢᠨ ᠰᠢᠰᠲ᠋ᠧᠮ ᠤᠨ ᠪᠠᠶᠢᠭᠤᠯᠤᠯᠳᠠ ᠶᠢ ᠠᠬᠢᠭᠤᠯᠵᠤ᠂ ᠡᠯ᠎ᠡ ᠵᠦᠢᠯ ᠤᠨ | ᠬᠡᠨᠡᠳᠳᠡ ᠶᠢᠨ ᠬᠡᠷᠡᠭ ᠢ ᠪᠦᠳᠦᠮᠵᠢᠳᠡᠢ ᠰᠡᠷᠬᠡᠶᠢᠯᠡᠬᠦ ᠪᠠ ᠵᠤᠬᠢᠰᠳᠠᠢ ᠰᠢᠢᠳᠪᠦᠷᠢᠯᠡᠨ᠎ᠡ᠃《 ᠵᠢᠷᠭᠤᠳᠤᠭᠠᠷ ᠳᠠᠪᠤᠨ | ᠵᠢᠯ 》 ᠤᠨ ᠬᠠᠤᠯᠢ ᠳᠦᠬᠡᠮᠡᠯᠵᠢᠬᠦᠯᠦᠯᠳᠡ ᠪᠠ ᠬᠠᠤᠯᠢ ᠪᠠᠷ ᠬᠤᠰᠢᠭᠤ ᠪᠠᠨ ᠵᠠᠰᠠᠬᠤ ᠠᠬᠢᠴᠠ ᠶᠢ ᠯᠠᠪᠳᠠᠭᠤᠨ ᠢᠶᠠᠷ | ᠠᠬᠢᠭᠤᠯᠵᠤ᠂ ᠠᠷᠠᠳ ᠠᠴᠠ ᠡᠶᠡᠳᠡᠬᠦᠯᠬᠦ᠂ ᠵᠠᠰᠠᠭ ᠵᠠᠬᠢᠷᠭᠠᠨ ᠢᠶᠠᠷ ᠡᠶᠡᠳᠡᠬᠦᠯᠬᠦ᠂ ᠬᠠᠤᠯᠢ ᠴᠠᠭᠠᠵᠠ ᠪᠠᠷ ᠡᠶᠡᠳᠡᠬᠦᠯᠬᠦ | ᠳᠤᠭᠳᠠᠴᠠ ᠶᠢ ᠳᠡᠬᠦᠯᠳᠡᠷᠵᠢᠬᠦᠯᠦᠨ᠎ᠡ᠃ ᠨᠠᠮ ᠤᠨ ᠬᠡᠰᠢᠬᠦᠨ ᠺᠠᠳ᠋ᠷᠴᠤᠳ ᠤᠯᠠᠨ ᠳᠦᠮᠡᠨ ᠲᠠᠢ ᠬᠠᠷᠢᠯᠴᠠᠵᠤ | ᠦᠢᠯᠡᠴᠢᠯᠡᠬᠦ《456》ᠠᠵᠢᠯᠯᠠᠬᠤ ᠠᠷᠭ᠎ᠠ ᠪᠠ ᠭᠠᠴᠠᠭ᠎ᠠ ᠳᠤᠰᠬᠤᠨ ᠤ ᠠᠷᠠᠳᠴᠢᠯᠠᠯ ᠢᠶᠠᠷ | ᠬᠠᠮᠢᠶᠠᠷᠬᠤ《532》ᠠᠵᠢᠯᠯᠠᠬᠤ ᠠᠷᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠦᠨ᠎ᠡ᠃ ᠵᠡᠬᠡᠯᠢ ᠭᠤᠳᠤᠮᠵᠢ ᠨᠡᠶᠢᠬᠡᠮ | ᠳᠤᠭᠤᠷᠢᠭ ᠤᠨ ᠦᠢᠯᠡᠴᠢᠯᠡᠬᠡᠨ ᠤ ᠴᠢᠳᠠᠪᠬᠢ ᠶᠢ ᠳᠡᠬᠦᠯᠳᠡᠷᠵᠢᠬᠦᠯᠦᠨ᠂ ᠦᠢᠯᠡᠴᠢᠯᠡᠬᠡᠨ ᠤ ᠴᠢᠳᠠᠪᠤᠷᠢ ᠪᠠᠨ | ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠨᠡᠶᠢᠬᠡᠮ ᠤᠨ ᠬᠠᠷᠢᠭᠤᠴᠠᠯᠭ᠎ᠠ ᠶᠢ ᠴᠢᠩᠭᠠᠳᠬᠠᠨ᠂ ᠠᠵᠤ ᠠᠬᠤᠶᠢᠯᠠᠯ | ᠪᠠ ᠤᠷᠤᠨ ᠨᠤᠳᠤᠭ ᠤᠨ ᠬᠠᠷᠢᠴᠠᠭ᠎ᠠ᠂ ᠠᠵᠤ ᠠᠬᠤᠶᠢᠯᠠᠯ ᠪᠠ ᠤᠯᠠᠨ ᠳᠦᠮᠡᠨ ᠤ ᠬᠠᠷᠢᠴᠠᠭ᠎ᠠ ᠶᠢ ᠴᠢᠷᠮᠠᠶᠢᠨ | ᠰᠠᠶᠢᠵᠢᠷᠠᠭᠤᠯᠤᠨ᠎ᠠ᠃ | ᠠᠮᠤᠷ ᠳᠤᠭᠳᠠᠭᠤᠨ ᠨᠡᠶᠢᠬᠡᠮ ᠤᠨ ᠤᠷᠴᠢᠨ ᠢ ᠪᠦᠷᠢᠯᠳᠦᠬᠦᠯᠦᠨ᠎ᠡ᠃ ᠨᠡᠶᠢᠬᠡᠮ ᠤᠨ ᠠᠮᠤᠷ ᠳᠦᠪᠰᠢᠨ ᠤ | ᠶᠡᠷᠦᠩᠬᠡᠶᠢᠯᠡᠨ ᠵᠠᠰᠠᠯᠳᠠ ᠶᠢ ᠴᠢᠩᠭᠠᠳᠬᠠᠨ᠂《 ᠴᠤᠬᠢᠯᠳᠠ ᠦᠭᠬᠦ᠂ ᠰᠡᠷᠬᠡᠶᠢᠯᠡᠬᠦ᠂ ᠡᠵᠡᠮᠰᠢᠬᠦ ᠰᠢᠰᠲ᠋ᠧᠮ》 ᠤᠨ | ᠪᠠᠶᠢᠭᠤᠯᠤᠯᠳᠠ ᠶᠢ ᠠᠬᠢᠭᠤᠯᠵᠤ᠂《 ᠠᠮᠤᠭᠤᠯᠠᠩ ᠠᠯᠠᠱᠠ》 ᠶᠢᠨ ᠪᠠᠶᠢᠭᠤᠯᠤᠯᠳᠠ ᠶᠢᠨ ᠠᠵᠢᠯᠯᠠᠭ᠎ᠠ ᠶᠢ ᠬᠦᠨᠵᠡᠬᠡᠢ | ᠦᠷᠨᠢᠬᠦᠯᠦᠨ᠎ᠡ᠃ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠳᠤ ᠬᠠᠤᠯᠢ ᠶᠤᠰᠤᠭᠠᠷ | ᠴᠤᠬᠢᠯᠳᠠ ᠦᠭᠴᠤ᠂ ᠤᠯᠠᠨ ᠳᠦᠮᠡᠨ ᠤ ᠠᠮᠤᠷ ᠳᠦᠪᠰᠢᠨ ᠳᠦᠷᠦᠭᠳᠡᠯ ᠢ ᠨᠡᠮᠡᠭᠳᠡᠬᠦᠯᠦᠨ᠎ᠡ᠃ ᠠᠶᠤᠯᠬᠦᠢ | ᠦᠢᠯᠡᠳᠪᠦᠷᠢᠯᠡᠯ ᠤᠨ《 ᠳᠠᠷᠬᠠᠨ ᠴᠠᠭᠠᠵᠠ》 ᠶᠢ ᠴᠢᠩᠭ᠎ᠠ ᠰᠠᠬᠢᠵᠤ᠂ ᠠᠶᠤᠯᠬᠦᠢ ᠦᠢᠯᠡᠳᠪᠦᠷᠢᠯᠡᠯ ᠢ ᠰᠠᠶᠢᠳᠤᠷ | ᠠᠳᠬᠤᠬᠤ ᠶᠢ ᠴᠤᠴᠠᠯᠳᠠ ᠦᠬᠡᠢ ᠪᠠᠷᠢᠮᠳᠠᠯᠠᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ ᠵᠠᠮ | ᠬᠠᠷᠢᠯᠴᠠᠭ᠎ᠠ ᠳᠡᠬᠡᠬᠡᠪᠦᠷᠢ᠂ ᠠᠶᠤᠯᠳᠤ ᠬᠢᠮᠢ ᠶᠢᠨ ᠪᠤᠳᠠᠰ᠂ ᠬᠤᠸᠠᠷ ᠫᠤᠤᠵᠢᠩ ᠪᠠ ᠢᠳᠡᠬᠡᠨ ᠤ ᠵᠦᠢᠯ ᠡᠮ ᠤᠨ | ᠵᠦᠢᠯ ᠵᠡᠷᠬᠡ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠠ ᠠᠵᠢᠯ ᠳᠦᠷᠦᠯ ᠤᠨ ᠬᠢᠨᠠᠨ ᠬᠠᠮᠢᠶᠠᠷᠤᠯᠳᠠ ᠶᠢ | ᠴᠢᠩᠭᠠᠳᠬᠠᠵᠤ᠂ ᠬᠦᠨᠳᠤ ᠶᠡᠭᠡ ᠠᠶᠤᠯᠬᠦᠢ ᠦᠢᠯᠡᠳᠪᠦᠷᠢᠯᠡᠯ ᠤᠨ ᠬᠡᠷᠡᠭ ᠡᠬᠦᠰᠬᠦ ᠶᠢ ᠡᠷᠡᠰ ᠬᠤᠷᠢᠭᠯᠠᠵᠤ᠂ ᠪᠦᠬᠦ | ᠬᠤᠰᠢᠭᠤᠨ ᠤ ᠠᠶᠤᠯᠬᠦᠢ ᠦᠢᠯᠡᠳᠪᠦᠷᠢᠯᠡᠯ ᠤᠨ ᠪᠠᠶᠢᠳᠠᠯ ᠳᠤᠭᠳᠠᠭᠤᠨ ᠢᠶᠠᠷ ᠰᠠᠶᠢᠵᠢᠷᠠᠬᠤ ᠶᠢ ᠠᠬᠢᠭᠤᠯᠤᠨ᠎ᠠ᠃ | ︵ᠶᠢᠰᠦ︶ ᠦᠬᠡᠷᠡᠴᠢᠯᠡᠯᠳᠡ ᠶᠢᠨ ᠠᠯᠬᠤᠴᠠ ᠪᠠᠨ ᠳᠦᠷᠬᠡᠳᠬᠡᠵᠤ᠂ ᠵᠠᠰᠠᠭ ᠤᠨ ᠤᠷᠳᠤᠨ ᠤ ᠡᠬᠦᠷᠬᠡ ᠴᠢᠳᠠᠪᠬᠢ | ᠪᠠᠨ ᠬᠤᠪᠢᠷᠠᠭᠤᠯᠬᠤ ᠶᠢ ᠠᠬᠢᠭᠤᠯᠤᠨ᠎ᠠ᠃ | ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠪᠠᠷ ᠭᠤᠤᠯ | ᠱᠤᠭᠤᠮ ᠢᠶᠠᠨ ᠪᠤᠯᠭᠠᠵᠤ᠂ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢ ᠤᠯᠠᠮ ᠨᠢᠬᠡ ᠠᠯᠬᠤᠮ ᠬᠤᠪᠢᠷᠠᠭᠤᠯᠤᠨ᠂ | ᠠᠵᠢᠯ ᠤᠨ ᠰᠤᠷᠳᠠᠯ ᠢᠶᠠᠨ ᠰᠠᠶᠢᠵᠢᠷᠠᠭᠤᠯᠵᠤ᠂ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠶᠢ ᠳᠡᠬᠡᠭᠰᠢᠯᠡᠬᠦᠯᠦᠨ᠂ | ᠵᠠᠰᠠᠭ ᠤᠨ ᠤᠷᠳᠤᠨ ᠤ ᠢᠳᠡᠬᠡᠬᠦᠯᠬᠦ ᠬᠦᠴᠦᠨ ᠪᠠ ᠬᠡᠷᠡᠭᠵᠢᠬᠦᠯᠬᠦ ᠴᠢᠳᠠᠪᠤᠷᠢ ᠶᠢ ᠳᠠᠰᠤᠷᠠᠯᠳᠠ ᠦᠬᠡᠢ | ᠲᠡᠭᠡᠭᠰᠢᠯᠡᠬᠦᠯᠦᠨ᠎ᠡ᠃ | ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠦᠬᠦ ᠳᠠᠯ᠎ᠠ ᠪᠠᠷ ᠠᠬᠢᠭᠤᠯᠤᠨ᠎ᠠ᠃《 ᠠᠯᠠᠱᠠ ᠵᠡᠬᠦᠨ ᠬᠤᠰᠢᠭᠤᠨ ᠤ | ᠠᠷᠠᠳ ᠤᠨ ᠵᠠᠰᠠᠭ ᠤᠨ ᠤᠷᠳᠤᠨ ᠤ ᠠᠵᠢᠯ ᠤᠨ ᠳᠦᠷᠢᠮ》 ᠪᠠ《 ᠠᠯᠠᠱᠠ ᠵᠡᠬᠦᠨ ᠬᠤᠰᠢᠭᠤᠨ ᠤ ᠴᠢᠬᠤᠯᠠ | ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠤᠳᠤᠯᠭ᠎ᠠ ᠳᠤᠭᠳᠠᠭᠠᠬᠤ ᠳᠤᠭᠳᠠᠭᠠᠯ》 ᠢ ᠬᠢᠨᠠᠮᠠᠭᠠᠢ ᠬᠡᠷᠡᠭᠵᠢᠬᠦᠯᠵᠤ᠂ | ᠰᠢᠢᠳᠪᠦᠷᠢᠳᠤ ᠪᠤᠳᠤᠯᠭ᠎ᠠ ᠶᠢᠨ ᠰᠢᠨᠵᠢᠯᠡᠬᠦ ᠤᠬᠠᠭᠠᠨᠴᠢᠯᠠᠬᠤ᠂ ᠠᠷᠠᠳᠴᠢᠯᠠᠬᠤ᠂ ᠳᠦᠷᠢᠮᠵᠢᠬᠦ ᠶᠢ ᠳᠦᠯᠬᠢᠨ | ᠠᠬᠢᠭᠤᠯᠤᠨ᠎ᠠ᠃ ᠬᠠᠤᠯᠢ ᠳᠦᠷᠢᠮᠳᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠴᠢᠩᠭᠠᠳᠬᠠᠨ᠂ ᠬᠤᠰᠢᠭᠤᠨ ᠤ | ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶ᠎ᠠ᠂ ᠤᠯᠤᠰ ᠳᠦᠷᠦ ᠶᠢᠨ | ᠵᠦᠪᠯᠡᠯᠬᠡᠨ ᠵᠢᠴᠢ ᠡᠯ᠎ᠡ ᠡᠳᠡᠬᠡᠳ ᠤᠨ ᠤᠯᠠᠨ ᠳᠦᠮᠡᠨ ᠪᠠ ᠰᠤᠨᠢᠨ ᠮᠡᠳᠡᠭᠡ ᠶᠡᠷᠢᠶ᠎ᠠ ᠬᠡᠯᠡᠯᠴᠡᠬᠡᠨ ᠤ ᠦᠷᠬᠡᠨ | ᠳᠡᠯᠬᠡᠷ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠨ᠎ᠡ᠃ ᠵᠠᠰᠠᠭ ᠤᠨ ᠶᠠᠪᠤᠳᠠᠯ ᠢ ᠢᠯᠡ ᠪᠤᠯᠭᠠᠬᠤ ᠶᠢ | ᠠᠬᠢᠭᠤᠯᠵᠤ᠂ ᠵᠠᠰᠠᠭ ᠤᠨ ᠤᠷᠳᠤᠨ ᠤ ᠠᠵᠢᠯ ᠢᠯᠡ ᠳᠤᠳᠤ ᠡᠷᠬᠡ ᠳᠡᠭᠰᠢ ᠳᠦᠪ ᠭᠤᠤᠯᠴᠢ᠂ ᠠᠷᠠᠳ ᠲᠤ | ᠳᠤᠰᠠᠳᠠᠢ ᠠᠷᠠᠳ ᠲᠤ ᠠᠰᠢᠭᠳᠠᠢ ᠠᠷᠠᠳ ᠤᠨ ᠳᠦᠯᠦᠬᠡ ᠪᠠᠶᠢᠬᠤ ᠶᠢ ᠠᠬᠢᠭᠤᠯᠤᠨ᠎ᠠ᠃ | ᠡᠯ᠎ᠡ ᠳᠦᠷᠦᠯ ᠤᠨ ᠦᠬᠡᠷᠡᠴᠢᠯᠡᠯᠳᠡ ᠤᠨ ᠠᠷᠭ᠎ᠠ ᠬᠡᠮᠵᠢᠶ᠎ᠡ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃《 ᠭᠦᠯᠢᠶᠡᠬᠦ | ᠂ ᠳᠠᠯᠪᠢᠬᠤ᠂ ᠰᠢᠯᠵᠢᠬᠦᠯᠬᠦ》 ᠱᠠᠭᠠᠷᠳᠠᠯᠭ᠎ᠠ ᠶᠤᠰᠤᠭᠠᠷ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ | ᠳᠦᠷᠢᠮᠵᠢᠬᠦᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠡᠮᠬᠢ ᠳᠠᠷᠠᠭᠠᠯᠠᠯ ᠢ ᠴᠤᠮᠬᠠᠳᠬᠠᠨ᠂ ᠵᠠᠰᠠᠭ | ᠵᠠᠬᠢᠷᠭᠠᠨ ᠤ ᠬᠢᠨᠠᠨ ᠵᠦᠪᠰᠢᠶᠡᠷᠡᠬᠦ ᠴᠠᠭ ᠬᠤᠭᠤᠴᠠᠭ᠎ᠠ ᠶᠢ ᠪᠤᠭᠤᠨᠢᠰᠬᠠᠵᠤ᠂ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠬᠦ ᠪᠦᠳᠦᠮᠵᠢ ᠶᠢ ᠳᠡᠬᠡᠭᠰᠢᠯᠡᠬᠦᠯᠦᠨ᠂ ᠵᠢᠯ ᠤᠨ ᠳᠤᠳᠤᠷ᠎ᠠ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ | ᠵᠦᠢᠯᠡᠰ ᠢ 30 % ᠠᠴᠠ ᠳᠡᠬᠡᠭᠰᠢ ᠴᠦᠬᠡᠳᠬᠡᠨ᠎ᠡ᠃ ᠳᠦᠪᠯᠡᠷᠡᠩᠬᠦᠢ ᠨᠢᠬᠡᠳᠦᠯᠳᠡᠢ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠳᠦᠪ ᠢ ᠪᠠᠶᠢᠭᠤᠯᠵᠤ᠂ ᠠᠵᠤ ᠠᠬᠤᠶᠢᠯᠠᠯ ᠪᠠ ᠤᠯᠠᠨ ᠳᠦᠮᠡᠨ ᠳᠤ ᠨᠡᠩ ᠳᠦᠬᠦᠮ ᠠᠪᠰᠠᠷ | ᠦᠨᠳᠦᠷ ᠪᠦᠳᠦᠮᠵᠢᠳᠤ ᠦᠢᠯᠡᠴᠢᠯᠡᠭᠡ ᠬᠠᠩᠭᠠᠨ᠎ᠠ᠃ ᠡᠳ᠋ ᠤᠨ ᠵᠠᠰᠠᠭ ᠤᠨ ᠳᠦᠰᠦᠪ ᠤᠨ ᠬᠠᠮᠢᠶᠠᠷᠤᠯᠳᠠ ᠶᠢᠨ | ᠳᠦᠷᠢᠮ ᠢ ᠰᠠᠶᠢᠵᠢᠷᠠᠭᠤᠯᠵᠤ᠂《 ᠡᠵᠡᠩᠨᠡᠯᠳᠡ ᠶᠢᠨ ᠭᠠᠶᠢᠯᠢ ᠶᠢ ᠦᠷᠳᠡᠭ ᠤᠨ ᠨᠡᠮᠡᠭᠳᠡᠯ ᠭᠠᠶᠢᠯᠢ ᠪᠤᠯᠭᠠᠨ | ᠦᠬᠡᠷᠡᠴᠢᠯᠡᠬᠦ》 ᠳᠤᠷᠰᠢᠯᠳᠠ ᠶᠢᠨ ᠴᠡᠭ ᠤᠨ ᠬᠡᠪᠴᠢᠶ᠎ᠡ ᠶᠢ ᠦᠷᠬᠡᠳᠬᠡᠬᠦ ᠠᠵᠢᠯ ᠢ ᠰᠠᠶᠢᠳᠤᠷ ᠬᠢᠨ᠎ᠡ᠃ | ᠵᠠᠰᠠᠭ ᠤᠨ ᠤᠷᠳᠤᠨ ᠠᠴᠠ ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠳᠦᠷᠢᠮ ᠢ ᠳᠡᠬᠦᠯᠳᠡᠷᠵᠢᠬᠦᠯᠦᠨ᠂ | ᠵᠠᠰᠠᠭ ᠤᠨ ᠤᠷᠳᠤᠨ ᠠᠴᠠ ᠦᠢᠯᠡᠴᠢᠯᠡᠭᠡ ᠬᠤᠳᠠᠯᠳᠤᠨ ᠠᠪᠬᠤ ᠬᠦᠷᠢᠶ᠎ᠡ ᠬᠡᠪᠴᠢᠶ᠎ᠡ ᠶᠢ ᠦᠷᠬᠡᠳᠬᠡᠨ᠎ᠡ᠃ ᠤᠰᠤ᠂ | ᠴᠠᠬᠢᠯᠭᠠᠨ ᠤ ᠵᠦᠷᠢᠶ᠎ᠡ ᠲᠠᠢ᠂ ᠱᠠᠳᠤ ᠬᠡᠯᠪᠡᠷᠢᠳᠤ ᠦᠨ᠎ᠡ ᠶᠢᠨ ᠳᠤᠭᠳᠠᠴᠠ ᠶᠢ ᠰᠠᠶᠢᠳᠤᠷ ᠨᠠᠶᠢᠳᠠᠪᠤᠷᠢᠵᠢᠭᠤᠯᠤᠨ᠎ᠠ | ᠃ | ᠠᠵᠢᠯ ᠤᠨ ᠰᠤᠷᠳᠠᠯ ᠢᠶᠠᠨ ᠬᠤᠪᠢᠷᠠᠭᠤᠯᠬᠤ ᠶᠢ ᠳᠦᠷᠬᠡᠳᠬᠡᠨ᠎ᠡ᠃ ᠨᠠᠮ ᠤᠨ ᠤᠯᠠᠨ ᠳᠦᠮᠡᠨᠴᠢ ᠱᠤᠭᠤᠮ ᠤᠨ | ᠬᠦᠮᠦᠵᠢᠯ ᠦᠢᠯᠡᠳᠦᠯᠬᠡ ᠶᠢᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠂ ᠲᠦᠪ ᠤᠨ ᠨᠠᠢᠮᠠᠨ ᠵᠤᠶᠢᠯ ᠤᠨ | ᠲᠤᠭᠳᠠᠭᠠᠯ ᠪᠠ《 ᠨᠠᠮ ᠵᠠᠰᠠᠭ ᠤᠨ ᠠᠯᠪᠠᠨ ᠪᠠᠶᠢᠭᠤᠯᠭ᠎ᠠ ᠶᠢᠨ ᠰᠠᠶᠢᠳᠤᠷ ᠠᠷᠪᠢᠯᠠᠨ ᠭᠠᠮᠨᠠᠵᠤ ᠪᠦᠷᠢᠯᠬᠡᠨ | ᠰᠦᠢᠳᠬᠡᠬᠦ ᠶᠢ ᠡᠰᠡᠷᠬᠦᠴᠡᠬᠦ ᠳᠦᠷᠢᠮ》 ᠢ ᠴᠢᠩᠭ᠎ᠠ ᠬᠡᠷᠡᠭᠵᠢᠬᠦᠯᠦᠨ᠂《 ᠳᠦᠷᠪᠡᠨ ᠶᠡᠭᠡ ᠠᠵᠢᠯᠯᠠᠭ᠎ᠠ》 ᠶᠢ | ᠦᠷᠨᠢᠬᠦᠯᠵᠤ᠂《 ᠵᠢᠷᠭᠤᠭᠠᠨ ᠶᠡᠭᠡ ᠢᠨᠵᠧᠨᠧᠷᠢᠩ》᠂《 ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》᠂ | 《 ᠵᠠᠭᠤ ᠮᠢᠩᠭ᠎ᠠ ᠶᠢᠨ ᠢᠨᠵᠧᠨᠧᠷᠢᠩ》 ᠢ ᠠᠬᠢᠭᠤᠯᠤᠨ᠂《 ᠳᠦᠷᠪᠡᠨ ᠰᠤᠷᠳᠠᠯ》 ᠤᠨ ᠠᠰᠠᠭᠤᠳᠠᠯ ᠢ | ᠢᠮᠠᠭᠳᠠ ᠰᠤᠯᠠᠷᠠᠭᠤᠯᠤᠯ ᠦᠬᠡᠢ ᠴᠢᠩᠭ᠎ᠠ ᠴᠡᠭᠴᠡᠯᠡᠨ᠎ᠡ᠃ ᠠᠯᠪᠠᠨ ᠤ ᠲᠡᠷᠬᠡ᠂ ᠠᠯᠪᠠᠨ ᠤ ᠬᠡᠷ ᠤᠨ | ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂《 ᠭᠤᠷᠪᠠᠨ ᠠᠯᠪᠠᠨ ᠤ ᠵᠠᠷᠤᠳᠠᠯ》 ᠪᠠ ᠡᠩ ᠤᠨ | ᠴᠢᠨᠠᠷᠳᠠᠢ ᠵᠠᠷᠤᠯᠭ᠎ᠠ ᠶᠢ ᠤᠯᠠᠮ ᠨᠢᠬᠡ ᠠᠯᠬᠤᠮ ᠪᠠᠭᠠᠰᠬᠠᠨ᠎ᠠ᠃ ᠡᠬᠦᠷᠬᠡ ᠬᠠᠷᠢᠭᠤᠴᠠᠯᠭᠠᠳᠤ ᠤᠬᠠᠮᠰᠠᠷ ᠢᠶᠠᠨ ᠦᠨᠡᠨᠬᠦ | ᠳᠡᠬᠡᠭᠰᠢᠯᠡᠬᠦᠯᠵᠤ᠂ ᠠᠵᠢᠯ ᠢᠶᠠᠨ ᠠᠬᠢᠭᠤᠯᠵᠤ᠂ ᠪᠦᠬᠦ ᠳᠠᠯ᠎ᠠ ᠪᠠᠷ ᠰᠢᠪᠳᠤᠯᠤᠯᠳᠠ ᠬᠢᠬᠦ ᠳᠡᠬᠡᠷ᠎ᠡ ᠨᠡᠩ ᠠᠷᠪᠢᠨ ᠴᠠᠭ | ᠵᠠᠷᠤᠴᠠᠭᠤᠯᠵᠤ᠂ ᠵᠤᠷᠢᠭᠳᠠᠢ ᠬᠠᠷᠢᠭᠤᠴᠠᠵᠤ᠂ ᠵᠤᠷᠢᠭᠳᠠᠢ ᠰᠢᠪᠳᠤᠯᠤᠯᠳᠠ ᠬᠢᠵᠤ᠂ ᠬᠦᠴᠢᠷ ᠢ ᠴᠢᠳᠠᠮᠠᠭᠠᠢ ᠪᠠᠷ | ᠢᠯᠠᠨ ᠲᠠᠪᠠᠵᠤ᠂《 ᠬᠢᠰᠬᠢᠪᠡᠯ ᠭᠠᠵᠠᠷ᠂ ᠳᠤᠭᠳᠤᠷᠪᠠᠯ ᠬᠦᠴᠦ》ᠬᠡᠬᠦ ᠤᠮᠤᠭ ᠰᠦᠯᠳᠡ ᠪᠠ ᠴᠢᠳᠠᠪᠤᠷᠢ ᠪᠠᠷ᠂《 | ᠬᠠᠳᠠᠭᠠᠰᠤ ᠬᠠᠳᠠᠬᠤ》 ᠵᠤᠷᠢᠭ ᠰᠠᠨᠠᠭ᠎ᠠ ᠪᠠᠷ ᠨᠠᠶᠢᠳᠠᠪᠤᠷᠢᠵᠢᠭᠤᠯᠤᠯᠳᠠ ᠶᠢ ᠴᠢᠩᠭ᠎ᠠ ᠠᠳᠬᠤᠨ᠂ ᠡᠯ᠎ᠡ ᠳᠦᠷᠦᠯ ᠤᠨ | ᠡᠬᠦᠷᠬᠡ ᠶᠢ ᠪᠤᠳᠠᠳᠠᠢ ᠳᠡᠬᠡᠷ᠎ᠡ ᠨᠠᠶᠢᠳᠠᠪᠤᠷᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ | ᠴᠢᠬᠡᠴᠢ ᠵᠠᠰᠠᠭ ᠤᠨ ᠪᠠᠶᠢᠭᠤᠯᠤᠯᠳᠠ ᠶᠢ ᠦᠨᠡᠨᠬᠦ ᠴᠢᠩᠭᠠᠳᠬᠠᠨ᠎ᠠ᠃ ᠢᠯᠵᠢᠷᠡᠮᠡᠯ ᠢ ᠰᠡᠷᠬᠡᠶᠢᠯᠡᠬᠦ ᠪᠠ ᠵᠠᠯᠬᠠᠭᠠᠨ | ᠰᠢᠢᠳᠬᠡᠬᠦ ᠰᠢᠰᠲ᠋ᠧᠮ ᠤᠨ ᠪᠠᠶᠢᠭᠤᠯᠤᠯᠳᠠ ᠶᠢ ᠬᠦᠨᠵᠡᠬᠡᠢ ᠠᠬᠢᠭᠤᠯᠵᠤ᠂ ᠨᠠᠮ ᠤᠨ ᠰᠤᠷᠳᠠᠯ ᠴᠢᠬᠡᠴᠢ ᠵᠠᠰᠠᠭ ᠤᠨ | ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠳᠦᠷᠢᠮ ᠪᠠ ᠤᠳᠤᠷᠢᠳᠬᠤ ᠺᠠᠳ᠋ᠷ ᠤᠨ ᠠᠵᠤ ᠠᠬᠤᠢ ᠶᠢᠨ | ᠬᠠᠷᠢᠭᠤᠴᠠᠯᠭ᠎ᠠ ᠶᠢᠨ ᠬᠢᠨᠠᠨ ᠪᠤᠳᠤᠬᠤ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ | ᠪᠠᠶᠢᠴᠠᠭᠠᠯᠳᠠ ᠪᠠ ᠬᠢᠨᠠᠨ ᠪᠤᠳᠤᠯᠳᠠ ᠶᠢᠨ ᠬᠢᠨᠠᠯᠳᠠ ᠶᠢ ᠴᠢᠩᠭᠠᠳᠬᠠᠵᠤ᠂ ᠡᠷᠬᠡ ᠶᠢᠨ ᠠᠵᠢᠯᠯᠠᠭᠠᠨ ᠤ ᠬᠢᠨᠠᠯᠳᠠ ᠪᠠ | ᠬᠢᠵᠠᠭᠠᠷᠯᠠᠯ ᠢ ᠳᠦᠷᠢᠮᠵᠢᠬᠦᠯᠤᠨ᠂ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠡᠭᠯᠡᠬᠦ᠂ ᠭᠠᠵᠠᠷ ᠰᠢᠷᠤᠢ ᠶᠢ ᠬᠢᠮᠳᠠ | ᠪᠠᠷ ᠬᠤᠳᠠᠯᠳᠤᠬᠤ᠂ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠵᠤ ᠬᠦᠯᠢᠶᠡᠬᠦ᠂ ᠠᠭᠤᠷᠬᠠᠢ ᠶᠢᠨ ᠡᠬᠢ ᠪᠠᠶᠠᠯᠢᠭ ᠢ | ᠨᠡᠬᠡᠬᠡᠨ ᠠᠰᠢᠭᠯᠠᠬᠤ᠂ ᠵᠠᠰᠠᠭ ᠤᠨ ᠤᠷᠳᠤᠨ ᠤ ᠬᠤᠳᠠᠯᠳᠤᠨ ᠠᠪᠬᠤ ᠵᠡᠷᠬᠡ ᠭᠤᠤᠯᠳᠠᠯᠭ᠎ᠠ ᠲᠠᠢ ᠬᠦᠷᠢᠶ᠎ᠡ | ᠬᠡᠪᠴᠢᠶᠡᠨ ᠤ ᠬᠢᠨᠠᠨ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠡᠯ᠎ᠡ ᠵᠦᠢᠯ ᠤᠨ ᠬᠠᠤᠯᠢ | ᠰᠠᠬᠢᠯᠭ᠎ᠠ ᠠᠴᠠ ᠵᠦᠷᠢᠴᠡᠭᠰᠡᠨ ᠬᠡᠷᠡᠭ ᠢ ᠳᠦᠪ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠨ᠎ᠡ᠃ ᠠᠷᠢᠭᠤᠨ ᠴᠢᠬᠡᠴᠢ | ᠪᠠᠷ ᠵᠠᠰᠠᠭ ᠪᠠᠷᠢᠵᠤ᠂ ᠠᠵᠢᠯᠴᠢ ᠠᠷᠪᠢᠴᠢ ᠪᠠᠷ ᠠᠷᠠᠳ ᠤᠨ ᠳᠦᠯᠦᠬᠡ ᠵᠢᠳᠬᠦᠨ᠂ ᠺᠠᠳ᠋ᠷᠴᠤᠳ ᠠᠷᠢᠭᠤᠨ ᠴᠢᠬᠡᠴᠢ | ᠂ ᠵᠠᠰᠠᠭ ᠤᠨ ᠤᠷᠳᠤᠨ ᠴᠡᠪᠡᠷ ᠴᠢᠬᠡᠴᠢ᠂ ᠤᠯᠤᠰ ᠳᠦᠷᠦ ᠠᠷᠢᠭᠤᠨ ᠳᠤᠩᠭᠠᠯᠠᠭ ᠪᠠᠶᠢᠬᠤ ᠶᠢ ᠪᠡᠶᠡᠯᠡᠬᠦᠯᠦᠨ᠎ᠡ᠃ | ᠳᠦᠯᠦᠬᠡᠯᠡᠭᠴᠢᠳ ᠡ᠂ ᠠᠯᠠᠱᠠ ᠵᠡᠬᠦᠨ ᠬᠤᠰᠢᠭᠤ ᠶᠠᠭ ᠬᠦᠭᠵᠢᠯᠳᠡ ᠪᠠᠨ ᠳᠦᠷᠬᠡᠳᠬᠡᠬᠦ ᠵᠠᠩᠬᠢᠯᠠᠭ᠎ᠠ ᠶᠢᠨ ᠴᠠᠭ | ᠦᠶ᠎ᠡ ᠳᠤ ᠤᠷᠤᠰᠢᠵᠤ ᠪᠠᠶᠢᠨ᠎ᠠ᠃ ᠪᠢᠳ᠋ᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠤᠷᠢᠭ ᠰᠠᠨᠠᠭᠠᠨ ᠤ ᠵᠢᠯᠤᠭᠤᠳᠤᠯᠭ᠎ᠠ ᠳᠤᠤᠷ᠎ᠠ᠂ ᠠᠶᠢᠮᠠᠭ | ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ | ᠳᠤᠤᠷ᠎ᠠ᠂ ᠴᠤᠭ ᠪᠠᠳᠠᠷᠠᠩᠭᠤᠢ ᠳᠡᠮᠡᠴᠡᠯ ᠤᠨ ᠵᠤᠷᠢᠭ ᠢᠶᠠᠷ᠂ ᠪᠤᠳᠠᠳᠠᠢ ᠶᠢ ᠡᠷᠬᠢᠮᠯᠡᠬᠦ ᠠᠵᠢᠯ ᠤᠨ ᠰᠤᠷᠳᠠᠯ ᠢᠶᠠᠷ᠂ | ᠤᠶᠤᠨ ᠬᠦᠴᠦᠨ ᠢᠶᠠᠨ ᠨᠢᠭᠳᠠᠷᠠᠭᠤᠯᠤᠨ᠂ ᠦᠨᠡᠨᠬᠦ ᠠᠳᠬᠤᠨ ᠪᠤᠳᠠᠳᠠᠢ ᠠᠵᠢᠯᠯᠠᠵᠤ᠂ ᠬᠦᠴᠢᠷ ᠪᠡᠷᠬᠡᠰᠢᠶᠡᠯ ᠢ | ᠢᠯᠠᠨ ᠳᠤᠭᠤᠯᠵᠤ᠂ ᠦᠬᠡᠷᠡᠴᠢᠯᠡᠯᠳᠡ ᠬᠢᠵᠤ ᠰᠢᠨ᠎ᠡ ᠶᠢ ᠡᠬᠦᠳᠦᠨ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ | ᠡᠷᠳᠡᠬᠡᠨ ᠪᠡᠶᠡᠯᠡᠬᠦᠯᠬᠦ ᠪᠠᠷ ᠴᠢᠷᠮᠠᠶᠢᠨ ᠳᠡᠮᠡᠴᠡᠰᠦᠬᠡᠢ︕ | | | | |