2014 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2020/9/25
                    《  ᠵᠠᠰᠠᠭ   ᠤᠨ  ᠤᠷᠳᠤᠨ  ᠤ  ᠠᠵᠢᠯ  ᠤᠨ ᠢᠯᠡᠳᠬᠡᠯ 》 ᠳᠠᠬᠢ  ᠳᠤᠰᠬᠠᠢ  ᠨᠡᠷ᠎ᠡ  ᠳᠤᠮᠢᠶ᠎ᠠ  ᠪᠠ  ᠳᠤᠪᠴᠢᠯᠠᠭᠰᠠᠨ                                       ᠪᠢᠴᠢᠯᠬᠡ ᠵᠢᠨ‌‍ᠲ᠋ᠠᠶᠢᠯᠪᠤᠷᠢ ᠵᠢᠴᠢ ᠬᠦᠢᠴᠡᠳᠬᠡᠯ ᠳᠤᠭᠠᠨ  ᠤ ᠪᠦᠷᠢᠳᠬᠡᠯ  ᠤᠨ ᠪᠠᠷᠢᠮᠵᠢᠶ᠎ᠠ  ᠶᠢᠨ ᠳᠤᠬᠠᠢ ᠳᠤᠳᠤᠷᠬᠠᠶᠢᠯᠠᠯ⒈ ᠢᠯᠡᠳᠬᠡᠯ ᠳᠠᠬᠢ ᠬᠦᠢᠴᠡᠳᠬᠡᠯ ᠳᠤᠭᠠᠨ  ᠤ ᠪᠦᠷᠢᠳᠬᠡᠯ  ᠤᠨ ᠪᠠᠷᠢᠮᠵᠢᠶ᠎ᠠ  ᠶᠢᠨ ᠳᠤᠬᠠᠢ ᠳᠤᠳᠤᠷᠬᠠᠶᠢᠯᠠᠯ ᠪᠦᠬᠦ ᠪᠦᠷᠢᠳᠬᠡᠯ ᠳᠤᠭ᠎ᠠ ᠨᠢ ᠳᠤᠭ᠎ᠠ ᠪᠠᠷᠢᠮᠳᠠ ᠶᠢ ᠪᠦᠷᠢᠳᠬᠡᠬᠦ ᠦᠶ᠎ᠡ ᠳᠤ ᠠᠯᠠᠱᠠ  ᠶᠢᠨ ᠠᠵᠤ ᠠᠬᠤᠢ  ᠶᠢᠨ ᠨᠡᠬᠡᠬᠡᠯᠳᠡ  ᠶᠢᠨ ᠤᠷᠤᠨ᠂ ᠬᠤᠶᠠᠷᠬᠤᠳᠳᠤᠭ ᠤᠨ ᠠᠮᠢ ᠠᠬᠤᠢ  ᠶᠢᠨ ᠨᠡᠬᠦᠳᠡᠯ ᠠᠷᠠᠳ  ᠤᠨ ᠵᠢᠱᠢᠶ᠎ᠡ ᠦᠵᠡᠬᠦᠯᠬᠦ ᠤᠷᠤᠨ ᠢ ᠪᠠᠭᠳᠠᠭᠠᠭᠰᠠᠨ ᠬᠦᠢᠴᠡᠳᠬᠡᠯ ᠳᠤᠭᠠᠨ ᠤ ᠳᠤᠭ᠎ᠠ ᠪᠠᠷᠢᠮᠳᠠ  ᠶᠢ ᠵᠢᠭᠠᠨ᠎ᠠ᠃ ᠪᠦᠬᠦ ᠪᠦᠷᠢᠳᠬᠡᠯ ᠳᠤᠭ᠎ᠠ  ᠲᠠᠢ ᠬᠠᠷᠠᠭᠠᠯᠵᠠᠵᠤ ᠪᠠᠶᠢᠭ᠎ᠠ ᠨᠢ《 ᠬᠤᠰᠢᠭᠤᠨ ᠤ ᠳᠤᠰ ᠱᠠᠳᠤ》 ᠶᠢᠨ ᠳᠤᠭ᠎ᠠ ᠪᠦᠷᠢᠳᠬᠡᠯ ᠪᠤᠯᠤᠨ᠎ᠠ᠃ ᠳᠡᠷᠡ  ᠨᠢ ᠠᠯᠠᠱᠠ ᠶᠢᠨ ᠠᠵᠤ ᠠᠬᠤᠢ ᠶᠢᠨ ᠨᠡᠬᠡᠬᠡᠯᠳᠡ ᠶᠢᠨ ᠤᠷᠤᠨ᠂ ᠬᠤᠶᠠᠷᠬᠤᠳᠳᠤᠭ ᠤᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ  ᠢ ᠪᠠᠭᠳᠠᠭᠠᠬᠤ ᠦᠬᠡᠢ ᠬᠦᠢᠴᠡᠳᠬᠡᠯ ᠳᠤᠭ᠎ᠠ  ᠶᠢ ᠵᠢᠭᠠᠨ᠎ᠠ᠃2013 ᠤᠨ ᠳᠤ ᠮᠠᠨ ᠤ ᠬᠤᠰᠢᠭᠤ ᠭᠠᠵᠠᠷ ᠤᠷᠤᠨ ᠤ ︵ᠪᠦᠬᠦ ᠳᠤᠭ᠎ᠠ ᠪᠦᠷᠢᠳᠬᠡᠯ︶ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 361.3 ᠳ᠋ᠦᠩᠰᠢᠭᠤᠷ ᠳᠦᠬᠦᠷᠢᠭ᠂ ᠡᠳ᠋ ᠤᠨ ᠵᠠᠰᠠᠭ ᠤᠨ ᠤᠷᠤᠯᠭ᠎ᠠ  ᠶᠢ 47.3 ᠳ᠋ᠦᠩᠰᠢᠭᠤᠷ ᠳᠦᠬᠦᠷᠢᠭ᠂ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 243.8 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠬᠡᠭᠰᠡᠨ‌ᠡᠵᠡᠮᠳᠡᠵᠤ ᠪᠤᠯᠬᠤ ᠤᠷᠤᠯᠭ᠎ᠠ ᠪᠠ ᠮᠠᠯᠴᠢᠨ ᠳᠠᠷᠢᠶᠠᠴᠢᠨ ᠤ ᠬᠦᠮᠦᠨ ᠪᠦᠷᠢ ᠳᠤ ᠳᠡᠭᠰᠢᠳᠬᠡᠭᠰᠡᠨ ᠴᠡᠪᠡᠷ ᠤᠷᠤᠯᠭ᠎ᠠ ᠳᠤᠰᠪᠤᠷᠢ 26629 ᠳᠦᠬᠦᠷᠢᠭ ᠪᠠ 11122 ᠳᠦᠬᠦᠷᠢᠭ ᠲᠤ ᠬᠦᠷᠴᠡᠢ᠃ ᠬᠤᠰᠢᠭᠤᠨ ᠤ ᠳᠤᠰ ᠱᠠᠳᠤᠨ ᠤ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 155.7 ᠳ᠋ᠦᠩᠰᠢᠭᠤᠷ ᠳᠦᠬᠦᠷᠢᠭ᠂ ᠡᠳ᠋ ᠤᠨ ᠵᠠᠰᠠᠭ ᠤᠨ ᠤᠷᠤᠯᠭ᠎ᠠ ᠶᠢ 28.5 ᠳ᠋ᠦᠩᠰᠢᠭᠤᠷ ᠳᠦᠬᠦᠷᠢᠭ᠂ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 133 ᠳ᠋ᠦᠩᠰᠢᠭᠤᠷ ᠳᠦᠬᠦᠷᠢᠭ ᠪᠡᠶᠡᠯᠡᠬᠦᠯᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠬᠦᠮᠦᠨ ᠪᠦᠷᠢ ᠳᠤ ᠳᠡᠭᠰᠢᠳᠬᠡᠭᠰᠡᠨ ᠡᠵᠡᠮᠳᠡᠵᠤ ᠪᠤᠯᠬᠤ ᠤᠷᠤᠯᠭ᠎ᠠ ᠪᠠ ᠮᠠᠯᠴᠢᠨ ᠳᠠᠷᠢᠶᠠᠴᠢᠨ ᠤ ᠬᠦᠮᠦᠨ ᠪᠦᠷᠢ ᠳᠤ ᠳᠡᠭᠰᠢᠳᠬᠡᠭᠰᠡᠨ ᠴᠡᠪᠡᠷ ᠤᠷᠤᠯᠭ᠎ᠠ ᠳᠤᠰᠪᠤᠷᠢ 26629 ᠳᠦᠬᠦᠷᠢᠭ ᠪᠠ 11122 ᠳᠦᠬᠦᠷᠢᠭ ᠲᠤ ᠬᠦᠷᠴᠡᠢ᠃《 ᠵᠠᠰᠠᠭ ᠤᠨ ᠤᠷᠳᠤᠨ ᠤ ᠠᠵᠢᠯ ᠤᠨ ᠢᠯᠡᠳᠬᠡᠯ》 ᠤᠨ 2013 ᠤᠨ ᠤ ᠳᠤᠭ᠎ᠠ ᠪᠠᠷᠢᠮᠳᠠ ᠨᠢ ᠬᠤᠰᠢᠭᠤᠨ ᠤ ᠳᠤᠰ ᠱᠠᠳᠤᠨ  ᠤ ᠳᠤᠭ᠎ᠠ ᠪᠦᠷᠢᠳᠬᠡᠯ ᠪᠠᠶᠢᠵᠤ᠂ 2014 ᠤᠨ ᠤ ᠳᠤᠭ᠎ᠠ  ᠪᠠᠷᠢᠮᠳᠠ ᠳᠤ ᠬᠤᠰᠢᠭᠤᠨ ᠤ ᠳᠤᠰ ᠱᠠᠳᠤ ᠪᠠ ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ  ᠤᠨ ᠨᠡᠬᠡᠬᠡᠯᠳᠡ ᠶᠢᠨ ᠤᠷᠤᠨ ᠢ ᠪᠠᠭᠳᠠᠭᠠᠨ᠎ᠠ᠃⒉《8337》 ᠬᠦᠭᠵᠢᠯᠳᠡ ᠶᠢᠨ ᠰᠡᠳᠬᠢᠴᠡ᠄《8》ᠬᠡᠳᠡᠭ ᠨᠢ ᠨᠠᠢᠮᠠᠨ ᠳᠠᠯ᠎ᠠ ᠶᠢᠨ ᠬᠦᠭᠵᠢᠬᠦᠯᠬᠦ ᠬᠠᠨᠳᠤᠰᠢ  ᠶᠢ ᠵᠢᠭᠠᠵᠤ ᠪᠤᠢ᠃ ᠳᠠᠷᠤᠢ᠄ ᠦᠪᠦᠷ ᠮᠤᠩᠭᠤᠯ ᠢᠶᠠᠨ ᠨᠡᠶᠢᠰᠯᠡᠯ ᠢ ᠪᠠᠳᠤᠯᠠᠵᠤ᠂ ᠤᠮᠨᠷᠠᠳᠤ ᠤᠷᠤᠨ ᠳᠤ ᠦᠢᠯᠡᠴᠢᠯᠡᠨ᠂ ᠪᠦᠬᠦ ᠤᠯᠤᠰ ᠲᠤ ᠬᠠᠨᠳᠤᠭᠤᠯᠤᠭᠰᠠᠨ ᠴᠡᠪᠡᠷ ᠡᠨᠧᠷᠬᠢ ᠭᠠᠷᠭᠠᠬᠤ ᠰᠠᠭᠤᠷᠢᠨ ᠭᠠᠵᠠᠷ᠂ ᠪᠦᠬᠦ ᠤᠯᠤᠰ ᠤᠨ ᠴᠢᠬᠤᠯᠠ ᠤᠳᠤᠬᠢᠴᠢᠯᠠᠭᠰᠠᠨ ᠨᠡᠬᠦᠷᠡᠰᠤ ᠬᠢᠮᠢ ᠶᠢᠨ ᠦᠢᠯᠡᠳᠪᠦᠷᠢᠯᠡᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ᠂ ᠦᠩᠬᠡᠳᠤ ᠳᠡᠮᠦᠷᠯᠢᠭ ᠦᠢᠯᠡᠳᠪᠦᠷᠢᠯᠡᠵᠤ ᠡᠳ᠋ᠰᠢᠬᠦᠯᠬᠦ ᠪᠠ ᠤᠳᠤᠬᠢᠴᠢᠯᠠᠭᠰᠠᠨ ᠳᠤᠨᠤᠭᠯᠠᠯ ᠦᠢᠯᠡᠳᠪᠦᠷᠢᠯᠡᠬᠦ ᠵᠡᠷᠬᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠠᠭᠤᠷᠢᠨ ᠭᠠᠵᠠᠷ᠂ ᠪᠤᠬᠢᠷᠳᠤᠯ ᠦᠬᠡᠢ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠦᠢᠯᠡᠳᠪᠦᠷᠢᠯᠡᠵᠤ ᠡᠳ᠋ᠰᠢᠬᠦᠯᠬᠦ ᠰᠠᠭᠤᠷᠢᠨ ᠭᠠᠵᠠᠷ᠂ ᠳᠠᠯ᠎ᠠ ᠨᠤᠳᠤᠭ ᠤᠨ ᠰᠤᠶᠤᠯ ᠪᠠ ᠤᠮᠠᠷᠠᠳᠤ ᠶᠢᠨ ᠦᠪᠡᠷᠮᠢᠴᠡ ᠤᠨᠴᠠᠯᠢᠭ ᠢ ᠬᠠᠷᠠᠭᠤᠯᠤᠭᠰᠠᠨ ᠳᠤᠭᠤᠷᠢᠨ ᠵᠢᠭᠤᠯᠴᠢᠯᠠᠵᠤ ᠠᠮᠠᠷᠠᠵᠤ ᠰᠡᠯᠡᠬᠦᠴᠡᠬᠦ ᠰᠠᠭᠤᠷᠢᠨ ᠭᠠᠵᠠᠷ ᠪᠤᠯᠭᠠᠨ ᠪᠠᠶᠢᠭᠤᠯᠵᠤ᠂ ᠦᠪᠦᠷ ᠮᠤᠩᠭᠤᠯ ᠢᠶᠠᠨ ᠮᠠᠨ  ᠤ ᠤᠯᠤᠰ ᠤᠨ ᠤᠮᠠᠷᠠᠳᠤ ᠤᠷᠤᠨ ᠤ ᠴᠢᠬᠤᠯᠠ ᠠᠮᠢ ᠠᠬᠤᠢ  ᠶᠢᠨ ᠬᠠᠯᠬᠠᠪᠴᠢ᠂ ᠡᠬᠡ ᠤᠯᠤᠰ ᠤᠨ ᠬᠤᠶᠢᠳᠤ ᠬᠢᠵᠠᠭᠠᠷ ᠤᠨ ᠠᠮᠤᠷ ᠳᠤᠭᠳᠠᠭᠤᠨ ᠤ ᠬᠠᠯᠬᠠᠪᠴᠢ ᠪᠤᠯᠭᠠᠨ ᠪᠦᠳᠦᠬᠡᠨ ᠪᠠᠶᠢᠭᠤᠯᠵᠤ᠂ ᠮᠠᠨ  ᠤ ᠤᠯᠤᠰ  ᠤᠨ ᠤᠮᠠᠷᠠᠰᠢ ᠨᠡᠬᠡᠬᠡᠨ ᠬᠦᠭᠵᠢᠬᠦᠯᠬᠦ ᠴᠢᠬᠤᠯᠠ ᠪᠠᠬᠢᠯᠡᠯᠳᠡ ᠪᠠ ᠠᠮᠢᠵᠢᠷᠠᠯ  ᠤᠨ ᠬᠦᠴᠦᠨ ᠪᠢᠯᠬᠠᠭᠰᠠᠨ ᠬᠢᠯᠢ ᠳᠠᠭᠠᠤ ᠠᠵᠤ ᠠᠬᠤᠢ ᠶᠢᠨ ᠪᠦᠰᠡ ᠪᠤᠯᠭᠠᠨ ᠪᠦᠳᠦᠬᠡᠨ ᠪᠠᠶᠢᠭᠤᠯᠤᠨ᠎ᠠ᠃ ᠨᠢᠬᠡᠳᠦᠬᠡᠷ《3》 ᠨᠢ ᠭᠤᠷᠪᠠᠨ ᠳᠠᠯ᠎ᠠ ᠪᠠᠷ ᠬᠦᠴᠦᠯᠡᠬᠦ ᠶᠢ ᠵᠢᠭᠠᠵᠤ ᠪᠤᠢ᠃ ᠳᠠᠷᠤᠢ᠄ ᠠᠵᠤ ᠦᠢᠯᠡᠰ ᠤᠨ ᠪᠦᠳᠦᠴᠡ ᠶᠢ ᠬᠦᠴᠦ ᠳᠠᠯᠪᠢᠨ ᠳᠤᠬᠢᠷᠠᠭᠤᠯᠵᠤ᠂ ᠬᠤᠰᠢᠭᠤ ᠰᠢᠶᠠᠨ ᠤ ᠠᠵᠤ ᠠᠬᠤᠢ ᠶᠢ ᠬᠦᠴᠦ ᠳᠠᠯᠪᠢᠨ ᠪᠤᠵᠠᠭᠠᠶᠢᠷᠠᠭᠤᠯᠵᠤ᠂ ᠨᠡᠶᠢᠳᠡ  ᠶᠢᠨ ᠦᠮᠴᠢᠯᠡᠯ ᠤᠨ ᠪᠤᠰᠤ ᠠᠵᠤ ᠠᠬᠤᠢ  ᠶᠢ ᠬᠦᠴᠦ ᠳᠠᠯᠪᠢᠨ ᠬᠦᠭᠵᠢᠬᠦᠯᠦᠨ᠎ᠡ᠃ ᠬᠤᠶᠠᠳᠤᠭᠠᠷ《3》 ᠨᠢ ᠭᠤᠷᠪᠠᠨ ᠳᠠᠯ᠎ᠠ ᠶᠢ ᠨᠡᠩ ᠴᠢᠬᠤᠯᠠᠴᠢᠯᠠᠬᠤ ᠶᠢ ᠵᠢᠭᠠᠨ᠎ᠠ᠃ ᠳᠠᠷᠤᠢ᠄ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ ᠬᠠᠮᠢᠶᠠᠷᠤᠯᠳᠠ ᠶᠢ ᠨᠡᠩ ᠴᠢᠬᠤᠯᠠᠴᠢᠯᠠᠨ᠂ ᠠᠮᠢ ᠠᠬᠤᠢ ᠶᠢᠨ ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢ ᠨᠡᠩ ᠴᠢᠬᠤᠯᠠᠴᠢᠯᠠᠵᠤ᠂ ᠦᠬᠡᠷᠡᠴᠢᠯᠡᠯᠳᠡ ᠨᠡᠬᠡᠬᠡᠯᠳᠡ ᠪᠠ ᠰᠢᠨ᠎ᠡ ᠶᠢ ᠡᠬᠦᠳᠦᠨ ᠳᠠᠶᠢᠴᠢᠯᠠᠬᠤ ᠶᠢ ᠨᠡᠩ ᠴᠢᠬᠤᠯᠠᠴᠢᠯᠠᠨ᠎ᠠ᠃《7》ᠬᠡᠳᠡᠭ  ᠨᠢ ᠳᠤᠯᠤᠭᠠᠨ ᠳᠠᠯ᠎ᠠ ᠶᠢᠨ ᠭᠤᠤᠯᠳᠠᠯᠭ᠎ᠠ ᠲᠠᠢ ᠠᠵᠢᠯ  ᠢ ᠵᠢᠭᠠᠨ᠎ᠠ᠃ ᠳᠤᠬᠠᠶᠢᠯᠠᠪᠠᠯ᠄ ᠠᠵᠤ ᠠᠬᠤᠢ ᠶᠢᠨ ᠦᠷᠬᠦᠯᠵᠢᠯᠡᠨ ᠡᠷᠡᠬᠦᠯ  ᠢᠶᠠᠷ ᠬᠦᠭᠵᠢᠬᠦ  ᠶᠢ ᠠᠬᠢᠭᠤᠯᠵᠤ᠂ ᠠᠵᠤ ᠠᠬᠤᠢ  ᠶᠢᠨ ᠨᠡᠮᠡᠭᠳᠡᠯ  ᠤᠨ ᠶᠠᠰᠤ ᠴᠢᠨᠠᠷ ᠪᠤᠯᠤᠨ ᠦᠷ᠎ᠡ ᠠᠰᠢᠭ ᠢ ᠳᠡᠬᠡᠭᠰᠢᠯᠡᠬᠦᠯᠦᠨ᠂《 ᠮᠠᠯᠴᠢᠨ ᠳᠠᠷᠢᠶᠠᠴᠢᠨ᠂ ᠮᠠᠯ ᠳᠠᠷᠢᠶᠠᠯᠠᠩ᠂ ᠮᠠᠯᠵᠢᠬᠤ ᠳᠠᠷᠢᠶᠠᠯᠠᠬᠤ ᠤᠷᠤᠨ 》 ᠤ ᠠᠵᠢᠯ  ᠢ ᠴᠢᠩᠭᠠᠳᠬᠠᠵᠤ᠂ ᠬᠤᠳᠠ ᠬᠦᠳᠡᠭᠡ ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠬᠦᠯᠵᠤ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠨᠡᠶᠢᠬᠡᠮ ᠤᠨ ᠬᠠᠮᠢᠶᠠᠷᠤᠯᠳᠠ ᠶᠢᠨ ᠰᠢᠨ᠎ᠡ  ᠶᠢ ᠡᠬᠦᠳᠴᠤ᠂ ᠬᠦᠭᠵᠢᠬᠦᠯᠦᠯᠳᠡ ᠶᠢᠨ ᠢᠳᠡᠪᠬᠢ ᠬᠦᠴᠦᠨ ᠬᠦᠳᠡᠯᠬᠡᠭᠴᠢ ᠬᠦᠴᠦᠨ ᠢ ᠨᠡᠮᠡᠭᠳᠡᠬᠦᠯᠵᠤ᠂ ᠨᠠᠮ  ᠤᠨ ᠪᠠᠶᠢᠭᠤᠯᠤᠯᠳᠠ  ᠶᠢᠨ ᠰᠢᠨᠵᠢᠯᠡᠬᠦ ᠤᠬᠠᠭᠠᠨᠴᠢ ᠳᠦᠪᠰᠢᠨ ᠢ ᠳᠡᠬᠡᠭᠰᠢᠯᠡᠬᠦᠯᠦᠨ᠎ᠡ᠃⒊ ᠦᠪᠡᠷᠳᠡᠬᠡᠨ ᠵᠠᠰᠠᠬᠤ ᠤᠷᠤᠨ ᠤ ᠨᠡᠶᠢᠬᠡᠮ ᠤᠨ ᠪᠠᠳᠤᠯᠠᠭᠠᠨ ᠤ《 ᠠᠷᠪᠠᠨ ᠪᠦᠬᠦᠨ ᠢ ᠬᠠᠮᠦᠷᠬᠤ》᠄ 2014 ᠤᠨ ᠠᠴᠠ ᠡᠬᠢᠯᠡᠵᠦ᠂ ᠦᠪᠡᠷᠳᠡᠬᠡᠨ ᠵᠠᠰᠠᠬᠤ ᠤᠷᠤᠨ 3 ᠵᠢᠯ ᠤᠨ ᠴᠠᠭ ᠢ ᠵᠠᠷᠤᠴᠠᠭᠤᠯᠤᠨ ᠪᠦᠬᠦ ᠤᠷᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠠᠶᠤᠯᠳᠠᠢ ᠬᠡᠷ ᠪᠠᠶᠢᠰᠢᠩ ᠤᠨ ᠵᠠᠰᠠᠨ ᠦᠬᠡᠷᠡᠴᠢᠯᠡᠯᠳᠡ᠂ ᠠᠮᠤᠷ ᠲᠦᠪᠰᠢᠨ‌ᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢᠨ ᠬᠠᠳᠠᠭᠤᠷᠠᠭᠤᠯᠤᠯᠳᠠ᠂ ᠭᠠᠴᠠᠭ᠎ᠠ ᠲᠤᠰᠬᠤᠨ ᠪᠤᠯᠭᠠᠨ ᠳᠤ ᠴᠠᠬᠢᠯᠭᠠᠨ ᠨᠡᠪᠳᠡᠷᠡᠬᠦᠯᠬᠦ᠂ ᠭᠠᠴᠠᠭ᠎ᠠ ᠲᠤᠰᠬᠤᠨ ᠪᠤᠯᠭᠠᠨ ᠳᠤ ᠷᠠᠳᠢᠤ᠋ ᠲᠧᠯᠸᠢᠰ ᠪᠤᠯᠤᠨ ᠴᠢᠮᠡᠭᠡ ᠬᠤᠯᠪᠤᠭ᠎ᠠ ᠶᠢ ᠨᠡᠪᠳᠡᠷᠡᠬᠦᠯᠬᠦ᠂ ᠰᠤᠷᠭᠠᠭᠤᠯᠢ ᠶᠢᠨ ᠪᠠᠶᠢᠷᠢ ᠶᠢᠨ ᠠᠰᠠᠷ ᠤᠨ ᠪᠦᠳᠦᠬᠡᠨ ᠪᠠᠶᠢᠭᠤᠯᠤᠯᠳᠠ ᠵᠢᠴᠢ ᠠᠮᠤᠷ ᠲᠦᠪᠰᠢᠨ ᠤ ᠦᠬᠡᠷᠡᠴᠢᠯᠡᠯᠳᠡ᠂ ᠭᠠᠴᠠᠭ᠎ᠠ ᠲᠤᠰᠬᠤᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ ᠂ ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ ᠦᠷᠦᠬᠡ᠂ ᠠᠷᠠᠳ ᠲᠤ ᠲᠦᠬᠦᠮ ᠦᠵᠡᠬᠦᠯᠬᠦ ᠬᠤᠯᠪᠤᠭᠠᠳᠤ ᠬᠡᠳᠦ ᠲᠡᠯᠬᠡᠬᠦᠷ᠂ ᠬᠦᠳᠡᠭᠡ ᠲᠤᠰᠬᠤᠨ ᠮᠠᠯᠵᠢᠬᠤ ᠤᠷᠤᠨ  ᠤ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ ᠨᠠᠰᠤᠵᠢᠯ ᠡᠮ ᠡᠮᠨᠡᠯᠬᠡ ᠲᠤᠤᠷ᠎ᠠ ᠪᠠᠳᠤᠯᠠᠭ᠎ᠠ ᠵᠡᠷᠬᠡ ᠨᠡᠶᠢᠬᠡᠮ ᠤᠨ ᠪᠠᠳᠤᠯᠠᠭᠠᠨ  ᠪᠦᠬᠦᠨ ᠢ ᠬᠠᠮᠤᠷᠬᠤ ᠶᠢ ᠪᠡᠶᠡᠯᠡᠬᠦᠯᠵᠦ᠂ ᠬᠤᠳᠠ ᠬᠦᠳᠡᠭᠡ  ᠶᠢᠨ ᠦᠨᠳᠦᠰᠦᠨ ᠨᠡᠶᠢᠳᠡ ᠶᠢᠨ ᠦᠢᠯᠡᠴᠢᠯᠡᠬᠡᠨ ᠤ ᠠᠳᠠᠯᠢ ᠲᠡᠭᠰᠢᠵᠢᠯᠳᠡ ᠶᠢ ᠠᠬᠢᠭᠤᠯᠤᠨ᠎ᠠ᠃⒋ ᠳᠤᠷᠭᠠᠨ ᠵᠠᠮ ᠤᠨ ᠠᠵᠤ ᠠᠬᠤᠢ  ᠶᠢᠨ ᠪᠦᠰᠡ᠄ ᠳᠤᠮᠳᠠᠳᠤ ᠤᠯᠤᠰ ᠪᠠ ᠪᠠᠷᠠᠭᠤᠨ ᠠᠽᠢᠶ᠎ᠡ  ᠶᠢᠨ ᠡᠯ᠎ᠡ ᠤᠯᠤᠰ  ᠤᠨ ᠬᠤᠭᠤᠷᠤᠨᠳᠤ ᠨᠢᠬᠡ ᠠᠵᠤ ᠠᠬᠤᠢ  ᠶᠢᠨ ᠬᠠᠮᠳᠤᠷᠠᠯᠴᠠᠭᠠᠨ ᠤ ᠤᠷᠤᠨ ᠪᠦᠰᠡ ᠪᠦᠷᠢᠯᠳᠤᠵᠤ᠂ ᠦᠨᠳᠦᠰᠦᠨ ᠳᠡᠭᠡᠨ ᠬᠠᠭᠤᠴᠢᠨ ᠳᠤᠷᠭᠠᠨ ᠵᠠᠮ ᠤᠨ ᠬᠦᠷᠢᠶ᠎ᠡ ᠬᠡᠪᠴᠢᠶᠠᠨ ᠳᠤ ᠪᠠᠶᠢᠨ᠎ᠠ᠃ ᠪᠠᠷᠠᠭᠤᠨ ᠬᠤᠶᠢᠳᠤ  ᠶᠢᠨ ᠱᠠᠨᠰᠢ᠂ ᠭᠠᠨᠰᠤ᠂ ᠬᠦᠬᠡᠨᠠᠭᠤᠷ᠂ ᠨᠢᠩᠰᠢᠶᠠ᠂ ᠰᠢᠨᠵᠢᠶᠠᠩ ᠵᠡᠷᠬᠡ ᠲᠠᠪᠤᠨ ᠮᠤᠵᠢ ᠤᠷᠤᠨ᠂ ᠪᠠᠷᠠᠭᠤᠨ ᠡᠮᠦᠨᠡᠳᠦ  ᠶᠢᠨ ᠴᠦᠩᠴᠢᠩ᠂ ᠰᠧᠴᠤᠸᠠᠨ᠂ ᠶᠦᠨᠨᠠᠨ᠂ ᠭᠤᠸᠠᠩᠰᠢ ᠵᠡᠷᠬᠡ ᠲᠦᠷᠪᠡᠨ ᠮᠤᠵᠢ ᠤᠷᠤᠨ ᠢ ᠪᠠᠭᠳᠠᠭᠠᠨ᠎ᠠ᠃ 2013 ᠤᠨ  ᠳᠤ ᠲᠤᠮᠳᠠᠳᠤ ᠤᠯᠤᠰ ᠤᠨ ᠲᠡᠷᠢᠬᠦᠯᠡᠭᠴᠢ ᠰᠢ ᠶᠢᠨ ᠫᠢᠩ ᠺᠠᠽᠠᠬᠠᠰᠲ᠋ᠠᠨ  ᠤ ᠨᠠᠽᠠᠷᠪᠠᠶᠧ ᠶᠡᠭᠡ ᠰᠤᠷᠭᠠᠭᠤᠯᠢ  ᠳᠤ ᠶᠠᠷᠢᠶ᠎ᠠ ᠲᠠᠯᠪᠢᠬᠤ ᠳᠠᠭᠠᠨ ᠲᠤᠷᠠᠳᠤᠨ ᠭᠠᠷᠭᠠᠭᠰᠠᠨ ᠶᠤᠮ᠃⒌ᠨᠡᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ᠄ ᠤᠤᠯ ᠡᠳ᠋  ᠤᠨ ᠵᠠᠰᠠᠭ ᠤᠨ ᠤᠷᠤᠯᠭ᠎ᠠ ᠠᠴᠠ ᠤᠯᠤᠰ᠂ ᠦᠪᠡᠷᠳᠡᠬᠡᠨ ᠵᠠᠰᠠᠬᠤ ᠤᠷᠤᠨ᠂ ᠠᠶᠢᠮᠠᠭ ᠲᠤ ᠲᠤᠰᠢᠶᠠᠬᠤ ᠤᠷᠤᠯᠭ᠎ᠠ ᠶᠢ ᠬᠠᠰᠤᠭᠰᠠᠨ ᠤ ᠲᠠᠷᠠᠭᠠᠬᠢ ᠬᠤᠰᠢᠭᠤᠨ ᠤ ᠲᠡᠰ ᠤᠨ ᠬᠤᠪᠢᠳᠠᠨ ᠦᠯᠡᠳᠡᠬᠡᠬᠦ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠂ ᠮᠦᠨᠴᠦ ᠭᠠᠵᠠᠷ ᠤᠷᠤᠨ ᠤ ᠬᠡᠷᠡᠭᠯᠡᠵᠦ ᠪᠤᠯᠬᠤ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠂ ᠭᠠᠶᠢᠯᠢ ᠶᠢᠨ ᠤᠷᠤᠯᠭ᠎ᠠ ᠪᠤᠯᠤᠨ ᠭᠠᠶᠢᠯᠢ ᠶᠢᠨ ᠪᠤᠰᠤ ᠤᠷᠤᠯᠭ᠎ᠠ ᠠᠴᠠ ᠪᠦᠷᠢᠯᠳᠦᠨ᠎ᠡ  ᠃⒍ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ《 ᠠᠰᠢᠭᠯᠠᠵᠤ ᠨᠦᠬᠦᠪᠦᠷᠢᠯᠡᠬᠦ ᠶᠢ ᠲᠡᠩᠴᠡᠬᠦᠷᠢᠰᠢᠬᠦᠯᠬᠦ》᠄ ᠮᠠᠨ  ᠤ ᠬᠤᠰᠢᠭᠤᠨ ᠤ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ ᠬᠡᠳᠦᠷᠡᠳᠡᠯ᠎ᠡ ᠠᠰᠢᠭᠯᠠᠬᠤ ᠬᠦᠨᠳᠦ ᠨᠤᠴᠢᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠬᠡ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠨᠢᠬᠡᠳᠦᠯᠳᠡᠢ ᠲᠤᠬᠢᠷᠠᠭᠤᠯᠭ᠎ᠠ ᠶᠤᠰᠤᠭᠠᠷ᠂ ᠮᠠᠨ ᠤ ᠬᠤᠰᠢᠭᠤ《ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ ᠠᠰᠢᠭᠯᠠᠵᠤ ᠨᠦᠬᠦᠪᠦᠷᠢᠯᠡᠬᠦ ᠶᠢ ᠲᠡᠩᠴᠡᠬᠦᠷᠢᠰᠢᠬᠦᠯᠬᠦ ᠠᠵᠢᠯ ᠤᠨ ᠬᠡᠷᠡᠭᠵᠢᠬᠦᠯᠬᠦ ᠲᠦᠰᠦᠯ 》 ᠢ ᠲᠤᠭᠳᠠᠭᠠᠵᠤ᠂ ᠭᠤᠤᠯᠳᠠᠭᠤ ᠬᠤᠳᠳᠤᠭ ᠢ ᠪᠢᠳᠡᠬᠦᠮᠵᠢᠯᠡᠵᠦ ᠲᠠᠷᠢᠶᠠᠨ ᠭᠠᠵᠠᠷ ᠢ ᠪᠠᠭᠠᠰᠬᠠᠬᠤ᠂ ᠲᠤᠭᠳᠠᠭᠰᠠᠨ ᠬᠡᠮᠵᠢᠶ᠎ᠡ ᠲᠠᠢ ᠪᠠᠷ ᠤᠰᠤ ᠲᠤᠬᠢᠷᠠᠭᠤᠯᠬᠤ᠂ ᠲᠠᠷᠢᠮᠠᠯ ᠤᠨ ᠪᠦᠳᠦᠴᠡ ᠶᠢ ᠲᠤᠬᠢᠷᠠᠭᠤᠯᠬᠤ᠂ ᠣᠰᠤᠨ ᠳᠤ ᠭᠠᠮᠳᠠᠢ ᠲᠠᠷᠢᠶᠠᠯᠠᠩ ᠢ ᠬᠦᠭᠵᠢᠬᠦᠯᠬᠦ᠂ ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠲᠠᠷᠢᠮᠠᠯ ᠢ ᠬᠦᠭᠵᠢᠬᠦᠯᠬᠦ ᠵᠡᠷᠬᠡ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠭᠠᠵᠠᠷ ᠲᠤᠤᠷᠠᠬᠢ ᠤᠰᠤᠨ ᠤ ᠡᠬᠢ ᠰᠤᠷᠪᠤᠯᠵᠢ ᠶᠢ ᠨᠡᠬᠡᠬᠡᠨ ᠠᠰᠢᠭᠯᠠᠬᠤ ᠬᠡᠮᠵᠢᠶ᠎ᠠ ᠶᠢ ᠲᠠᠰᠤᠷᠠᠯᠳᠠ ᠦᠬᠡᠢ  ᠪᠠᠭᠠᠰᠬᠠᠵᠤ᠂ ᠬᠠᠮᠤᠭ ᠡᠴᠦᠰ ᠲᠤ ᠭᠠᠵᠠᠷ ᠲᠤᠤᠷᠠᠬᠢ ᠤᠰᠤ ᠶᠢ ᠨᠡᠬᠡᠬᠡᠨ ᠠᠰᠢᠭᠯᠠᠬᠤ ᠬᠡᠮᠵᠢᠶ᠎ᠡ ᠪᠠ ᠨᠦᠬᠦᠪᠦᠷᠢᠯᠡᠬᠦ ᠬᠡᠮᠵᠢᠶ᠎ᠡ ᠶᠢ ᠬᠦᠳᠡᠯᠦᠩᠬᠦᠢ ᠪᠠᠷ ᠲᠡᠩᠴᠡᠬᠦᠷᠢᠰᠢᠬᠦᠯᠬᠦ ᠶᠢ ᠪᠡᠶᠡᠯᠡᠬᠦᠯᠦᠨ᠎ᠡ᠃⒎ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ᠄ 2014 ᠤᠨ ᠤ 1 ᠰᠠᠷ᠎ᠠ  ᠶᠢᠨ 1  ᠤ ᠡᠳᠦᠷ  ᠠᠴᠠ ᠡᠬᠢᠯᠡᠨ᠂ ᠤᠤᠯ  ᠤᠨ ᠳᠡᠭᠷᠢ  ᠶᠢᠨ ᠠᠵᠤ ᠦᠢᠯᠡᠳᠪᠦᠷᠢ ᠶᠢᠨ ᠳᠤᠭᠤᠷᠢᠭ ᠪᠤᠯᠤᠨ ᠰᠠᠶᠢᠷ ᠴᠤᠨᠵᠢ  ᠶᠢᠨ ᠠᠵᠤ ᠦᠢᠯᠡᠳᠪᠦᠷᠢ  ᠶᠢᠨ ᠳᠤᠭᠤᠷᠢᠭ ᠢ ᠨᠡᠶᠢᠯᠡᠬᠦᠯᠵᠤ᠂ ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠪᠤᠯᠭᠠᠨ ᠪᠠᠶᠢᠭᠤᠯᠵᠤ᠂ ᠠᠯᠠᠱᠠ ᠵᠡᠬᠦᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠨᠠᠶᠢᠳᠠᠨ ᠬᠠᠮᠢᠶᠠᠷᠤᠨ᠎ᠠ᠃ ᠤᠤᠯ ᠤᠨ ᠬᠤᠶᠠᠷᠬᠤᠳᠳᠤᠭ ᠤᠨ ᠠᠮᠢ ᠠᠬᠤᠢ ᠶᠢᠨ ᠨᠡᠬᠦᠳᠡᠯ ᠠᠷᠠᠳ ᠤᠨ ᠵᠢᠱᠢᠶ᠎ᠡ ᠦᠵᠡᠬᠦᠯᠬᠦ ᠤᠷᠤᠨ  ᠤ ᠫᠠᠶᠢᠰᠠ ᠶᠢ ᠦᠷᠬᠦᠯᠵᠢᠯᠡᠨ ᠦᠯᠡᠳᠡᠬᠡᠵᠤ᠂ ᠨᠢᠬᠡ ᠪᠠᠶᠢᠭᠤᠯᠤᠮᠵᠢ ᠬᠤᠶᠠᠷ ᠫᠠᠶᠢᠰᠠ᠂ ᠪᠡᠶ᠎ᠡ ᠪᠠᠨ ᠳᠠᠭᠠᠭᠠᠵᠤ ᠠᠵᠢᠯᠯᠠᠬᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠬᠡᠷᠡᠭᠵᠢᠬᠦᠯᠦᠨ᠎ᠡ᠃ ᠠᠯᠠᠱᠠ ᠶᠢᠨ ᠳᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠨᠢ ᠳᠤᠤᠷ᠎ᠠ ᠪᠠᠨ ᠬᠤᠶᠠᠷᠬᠤᠳᠳᠤᠭ ᠤᠨ ᠬᠠᠳᠤᠨ ᠭᠤᠤᠯ  ᠤᠨ ᠤᠰᠤᠯᠠᠯᠳᠠ ᠶᠢᠨ ᠬᠠᠮᠢᠶᠠᠷᠤᠯᠳᠠ ᠶᠢᠨ ᠳᠤᠪᠴᠢᠶ᠎ᠠ ᠶᠢ ᠬᠠᠮᠢᠶᠠᠷᠴᠤ᠂ ᠳᠡᠭᠷᠢ ᠡᠯᠡᠰᠦ ᠪᠠᠯᠭᠠᠰᠤ᠂ ᠵᠢᠷᠭᠠᠯᠰᠠᠶᠢᠬᠠᠨ ᠪᠠᠯᠭᠠᠰᠤ ᠶᠢ ᠨᠠᠶᠢᠳᠠᠨ ᠬᠠᠮᠢᠶᠠᠷᠤᠨ᠎ᠠ᠃⒏ᠤᠰᠤ ᠨᠡᠬᠦᠷᠡᠰᠦᠨ ᠤ ᠬᠠᠮᠳᠤᠷᠠᠯᠴᠠᠭ᠎ᠠ᠄  ᠨᠢᠩᠰᠢᠶᠠ ᠶᠢᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ  ᠤᠨ ᠣᠷᠳᠤᠨ ᠪᠤᠯᠤᠨ ᠦᠪᠦᠷ ᠮᠤᠩᠭᠤᠯ  ᠤᠨ ᠦᠪᠡᠷᠳᠡᠬᠡᠨ ᠵᠠᠰᠠᠬᠤ ᠤᠷᠤᠨ  ᠤ ᠠᠷᠠᠳ ᠤᠨ ᠵᠠᠰᠠᠭ ᠤᠨ ᠤᠷᠳᠤᠨ  ᠤ《 ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢᠨ ᠬᠤᠷᠰᠢᠨ ᠠᠵᠢᠯᠯᠠᠬᠤ ᠪᠤᠷᠤ ᠲᠦᠯᠦᠪ ᠤᠨ ᠬᠡᠯᠡᠯᠴᠡᠬᠡᠷ》᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠯᠠᠱᠠ ᠠᠶᠢᠮᠠᠭ ᠪᠤᠯᠤᠨ ᠨᠢᠩᠰᠢᠶᠠ ᠶᠢᠨ ᠬᠤᠳᠤᠩ ᠦᠨᠳᠦᠰᠦᠳᠡᠨ ᠤ ᠦᠪᠡᠷᠳᠡᠬᠡᠨ ᠵᠠᠰᠠᠬᠤ ᠤᠷᠤᠨ ᠤ ᠲᠡᠷᠡᠰᠦᠨ ᠬᠤᠳᠠ ᠶᠢᠨ《 ᠤᠷᠤᠨ ᠪᠦᠰᠡ ᠶᠢᠨ ᠴᠢᠨᠠᠷᠳᠠᠢ ᠬᠠᠮᠳᠤᠷᠠᠨ ᠠᠵᠢᠯᠯᠠᠬᠤ ᠪᠤᠷᠤ ᠲᠦᠯᠦᠪ ᠤᠨ ᠬᠡᠯᠡᠯᠴᠡᠬᠡᠷ》 ᠢ ᠦᠨᠳᠦᠰᠦᠯᠡᠨ᠂ ᠲᠡᠷᠡᠰᠦᠨ ᠬᠤᠳᠠ ᠶᠢᠨ ᠡᠯᠪᠡᠭ ᠪᠠᠶᠠᠯᠢᠭ ᠭᠠᠵᠠᠷ ᠤᠨ ᠭᠠᠳᠠᠷᠭᠤ  ᠶᠢᠨ ᠤᠰᠤᠨ ᠤ ᠡᠬᠢ ᠪᠠᠶᠠᠯᠢᠭ ᠲᠤ ᠲᠦᠰᠢᠭᠯᠡᠨ᠂ ᠲᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠤ ᠤᠰᠤ ᠬᠠᠩᠭᠠᠬᠤ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠤᠨ᠎ᠠ᠃ ᠠᠯᠠᠱᠠ ᠵᠡᠬᠦᠨ ᠬᠤᠰᠢᠭᠤ ᠨᠢ ᠵᠢᠯ ᠪᠤᠯᠭᠠᠨ ᠲᠡᠷᠡᠰᠦᠨ ᠬᠤᠳᠠ ᠳᠤ ᠨᠡᠬᠦᠷᠡᠰᠦ ᠬᠠᠩᠭᠠᠵᠤ᠂ ᠲᠡᠷᠡᠰᠦᠨ ᠬᠤᠳᠠ ᠨᠢ ᠲᠡᠭᠷᠢ ᠶᠢᠨ ᠠᠵᠤ ᠠᠬᠤᠢ ᠶᠢᠨ ᠮᠡᠷᠬᠡᠵᠢᠯ ᠤᠨ ᠨᠡᠬᠡᠬᠡᠯᠳᠡ ᠶᠢᠨ ᠤᠷᠤᠨ ᠳᠤ ᠤᠰᠤᠨ ᠤ ᠡᠬᠢ ᠰᠤᠷᠪᠤᠯᠵᠢ ᠶᠢᠨ ᠲᠡᠮᠵᠢᠯᠬᠡ ᠦᠵᠡᠬᠦᠯᠵᠦ᠂ ᠡᠬᠢ ᠪᠠᠶᠠᠯᠢᠭ ᠢᠶᠠᠨ ᠬᠠᠷᠢᠯᠴᠠᠨ ᠨᠦᠬᠦᠪᠦᠷᠢᠯᠠᠨ᠂ ᠠᠵᠤ ᠠᠬᠤᠢ   ᠪᠠᠨ ᠬᠦᠭᠵᠢᠬᠦᠯᠵᠦ᠂ ᠠᠮᠢ ᠠᠬᠤᠢ ᠶᠢ ᠵᠠᠰᠠᠬᠤ ᠶᠢ ᠪᠡᠶᠡᠯᠡᠬᠦᠯᠦᠨ᠂ ᠬᠠᠷᠢᠯᠴᠠᠨ ᠬᠠᠷᠠᠭᠠᠯᠵᠠᠵᠤ ᠬᠠᠷᠢᠯᠴᠠᠨ ᠠᠰᠢᠭ ᠲᠠᠢ ᠪᠠᠶᠢᠬᠤ ᠨᠦᠬᠦᠷᠰᠡᠭ ᠬᠠᠮᠳᠤᠷᠠᠯᠴᠠᠭ᠎ᠠ ᠶᠢ  ᠠᠬᠢᠭᠤᠯᠤᠨ᠎ᠠ᠃⒐《 ᠵᠠᠰᠠᠨ ᠴᠡᠭᠴᠡᠯᠡᠬᠦ᠂ ᠪᠠᠶᠢᠭᠤᠯᠬᠤ᠂ ᠪᠤᠢ ᠪᠤᠯᠭᠠᠬᠤ》ᠠᠵᠢᠯᠯᠠᠭ᠎ᠠ᠄《 ᠳᠤᠮᠳᠠᠳᠤ ᠤᠯᠤᠰ  ᠤᠨ ᠡᠪ ᠬᠠᠮᠳᠤ ᠨᠠᠮ  ᠤᠨ ᠠᠯᠠᠱᠠ ᠠᠶᠢᠮᠠᠭ  ᠤᠨ ᠬᠤᠷᠢᠶᠠᠨ  ᠤ ᠠᠯᠪᠠᠨ ᠳᠢᠩᠬᠢᠮ᠂ ᠠᠯᠠᠱᠠ ᠠᠶᠢᠮᠠᠭ ᠤᠨ ᠵᠠᠬᠢᠷᠭᠠᠨ ᠤ ᠠᠯᠪᠠᠨ ᠳᠢᠩᠬᠢᠮ ᠤᠨ ︿ᠠᠵᠢᠯ  ᠤᠨ ᠰᠠᠬᠢᠯᠭ᠎ᠠ ᠪᠠᠳᠤ  ᠶᠢ ᠴᠢᠩᠭᠠᠳᠬᠠᠨ᠂ ᠠᠵᠢᠯ  ᠤᠨ ᠰᠤᠷᠳᠠᠯ  ᠢ ᠴᠡᠭᠴᠡᠯᠡᠬᠦ ᠳᠤᠬᠠᠢ ᠰᠠᠨᠠᠯ﹀ ᠢ ᠳᠠᠷᠤᠮᠠᠯᠯᠠᠨ ᠳᠠᠷᠬᠠᠭᠠᠬᠤ ᠮᠡᠳᠡᠭᠳᠡᠯ》 ᠤᠨ ᠳᠤᠬᠢᠷᠠᠭᠤᠯᠤᠯᠳᠠ ᠪᠠᠶᠢᠷᠢᠯᠠᠭᠤᠯᠤᠯᠳᠠ  ᠶᠢ ᠦᠨᠳᠦᠰᠦᠯᠡᠨ᠂ ᠪᠦᠬᠦ ᠠᠶᠢᠮᠠᠭ  ᠤᠨ ᠬᠡᠪᠴᠢᠶᠡᠨ ᠳᠤ《 ᠵᠠᠰᠠᠨ ᠴᠡᠭᠴᠡᠯᠡᠬᠦ᠂ ᠪᠠᠶᠢᠭᠤᠯᠬᠤ᠂ ᠪᠤᠢ ᠪᠤᠯᠭᠠᠬᠤ》  ᠪᠠᠷ ᠭᠤᠤᠯ ᠠᠭᠤᠯᠭ᠎ᠠ ᠪᠠᠨ ᠪᠤᠯᠭᠠᠭᠰᠠᠨ ᠠᠵᠢᠯ  ᠤᠨ ᠰᠠᠬᠢᠯᠭ᠎ᠠ ᠪᠠᠳᠤ  ᠶᠢ ᠴᠢᠩᠭᠠᠳᠬᠠᠨ᠂ ᠠᠵᠢᠯ  ᠤᠨ ᠰᠤᠷᠳᠠᠯ  ᠢ ᠴᠡᠭᠴᠡᠯᠡᠬᠦ ᠳᠤᠰᠬᠠᠢ ᠳᠦᠷᠦᠯ  ᠤᠨ ᠠᠵᠢᠯᠯᠠᠭ᠎ᠠ  ᠶᠢ ᠦᠷᠨᠢᠬᠦᠯᠪᠡ᠃《 ᠵᠠᠰᠠᠨ ᠴᠡᠭᠴᠡᠯᠡᠬᠦ》 ᠭᠡᠳᠡᠭ ᠨᠢ ᠠᠵᠢᠯ ᠤᠨ ᠰᠤᠷᠳᠠᠯ ᠶᠢᠨ ᠵᠠᠰᠠᠨ ᠴᠡᠭᠴᠡᠯᠡᠵᠦ᠂ ᠠᠯᠵᠠᠭᠤ ᠬᠤᠶᠢᠷᠭᠤ ᠰᠤᠯᠠ ᠵᠠᠳᠠᠭᠠᠢ ᠪᠦᠷᠢᠯᠬᠡᠨ ᠰᠦᠢᠳᠬᠡᠬᠦ᠂ ᠲᠤᠷ᠎ᠠ ᠲᠠᠪᠠ ᠪᠠᠷ ᠢᠳᠡᠬᠦ ᠭᠠᠴᠢᠭᠳᠠᠭᠤᠯᠬᠤ ᠠᠪᠬᠤ ᠵᠡᠷᠬᠡ ᠲᠤᠪᠤᠶᠢᠮ᠎ᠠ ᠠᠰᠠᠭᠤᠳᠠᠯ  ᠢ ᠡᠷᠴᠢᠮᠳᠡᠢ ᠵᠠᠰᠠᠨ ᠴᠡᠭᠴᠡᠯᠡᠬᠦ ᠶᠢ ᠵᠢᠭᠠᠨ᠎ᠠ᠃《 ᠪᠠᠶᠢᠭᠤᠯᠬᠤ》 ᠭᠡᠳᠡᠭ ᠨᠢ ᠲᠦᠷᠢᠮ ᠲᠤᠭᠳᠠᠭᠠᠯ ᠢ ᠪᠠᠶᠢᠭᠤᠯᠵᠤ ᠲᠡᠬᠦᠯᠳᠡᠷᠵᠢᠬᠦᠯᠦᠨ ᠂ ᠰᠤᠷᠳᠠᠯ ᠤᠨ ᠪᠠᠶᠢᠭᠤᠯᠤᠯᠳᠠ ᠶᠢᠨ ᠪᠠᠶᠢᠩᠭᠤ ᠪᠦᠳᠦᠮᠵᠢᠳᠡᠢ ᠲᠤᠭᠳᠠᠯᠴᠠᠭ᠎ᠠ ᠶᠢ ᠪᠦᠷᠢᠯᠳᠦᠬᠦᠯᠬᠦ ᠶᠢ ᠵᠢᠭᠠᠨ᠎ᠠ᠃《 ᠪᠤᠢ ᠪᠤᠯᠭᠠᠬᠤ》 ᠭᠡᠳᠡᠭ ᠨᠢ ᠲᠡᠷᠢᠬᠦᠨ ᠤ ᠬᠢ ᠶᠢ ᠪᠤᠢ ᠪᠤᠯᠭᠠᠵᠤ᠂ ᠴᠢᠬᠡᠴᠢ ᠰᠤᠷᠳᠠᠯ ᠢ ᠪᠤᠢ ᠪᠤᠯᠭᠠᠨ᠂ ᠲᠦᠪ ᠰᠤᠷᠳᠠᠯ  ᠢ ᠪᠤᠢ ᠪᠤᠯᠭᠠᠵᠤ᠂ ᠰᠠᠶᠢᠨ ᠰᠠᠶᠢᠬᠠᠨ ᠨᠡᠶᠢᠬᠡᠮ ᠤᠨ ᠤᠷᠴᠢᠨ ᠢ ᠪᠦᠷᠢᠯᠳᠦᠬᠦᠯᠬᠦ ᠶᠢ ᠵᠢᠭᠠᠨ᠎ᠠ᠃⒑《 ᠲᠦᠷᠪᠡᠨ ᠰᠤᠷᠳᠠᠯ 》 ᠤᠨ ᠠᠰᠠᠭᠤᠳᠠᠯ᠄ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠵᠢᠷᠭᠠᠨ ᠴᠡᠩᠬᠡᠬᠦ ᠦᠵᠡᠯ  ᠪᠤᠯᠤᠨ ᠪᠦᠷᠢᠯᠬᠡᠨ ᠰᠦᠢᠳᠬᠡᠬᠦ ᠰᠤᠷᠳᠠᠯ  ᠢ ᠵᠢᠭᠠᠨ᠎ᠠ᠃⒒ᠲᠦᠷᠪᠡᠨ ᠶᠡᠭᠡ ᠠᠵᠢᠯᠯᠠᠭ᠎ᠠ᠂ ᠵᠢᠷᠭᠤᠭᠠᠨ ᠶᠡᠭᠡ ᠢᠨᠵᠧᠨᠧᠷᠢᠩ᠄ 《 ᠨᠠᠮ  ᠤᠨ ᠤᠯᠠᠨ ᠲᠦᠮᠡᠨᠴᠢ ᠱᠤᠭᠤᠮ  ᠤᠨ ᠬᠦᠮᠦᠵᠢᠯ ᠦᠢᠯᠡᠳᠦᠯᠬᠡ  ᠶᠢᠨ ᠠᠵᠢᠯᠯᠠᠭᠠᠨ ᠲᠤᠮᠳᠠ〈ᠲᠦᠷᠪᠡᠨ ᠶᠡᠭᠡ ᠠᠵᠢᠯᠯᠠᠭ᠎ᠠ 〉 ᠶᠢ ᠦᠷᠨᠢᠬᠦᠯᠵᠦ᠂〈ᠵᠢᠷᠭᠤᠭᠠᠨ ᠶᠡᠭᠡ ᠢᠨᠵᠧᠨᠧᠷᠢᠩ〉 ᠢ ᠬᠡᠷᠡᠭᠵᠢᠬᠦᠯᠬᠦ ᠲᠤᠬᠠᠢ ᠦᠪᠦᠷ ᠮᠤᠩᠭᠤᠯ  ᠤᠨ ᠨᠠᠮ  ᠤᠨ ᠬᠤᠷᠢᠶᠠᠨ  ᠤ ᠰᠠᠨᠠᠯ》  ᠳᠤ᠂ ᠨᠠᠮ  ᠤᠨ ᠤᠯᠠᠨ ᠲᠦᠮᠡᠨᠴᠢ ᠱᠤᠭᠤᠮ  ᠤᠨ ᠬᠦᠮᠦᠵᠢᠯ ᠦᠢᠯᠡᠳᠦᠯᠬᠡ  ᠶᠢᠨ ᠠᠵᠢᠯᠯᠠᠭᠠᠨ ᠲᠤᠮᠳᠠ《ᠶᠡᠭᠡ ᠪᠠᠷ ᠰᠤᠷᠤᠯᠴᠠᠬᠤ᠂ ᠶᠡᠭᠡ ᠪᠠᠷ ᠪᠠᠶᠢᠴᠠᠭᠠᠨ ᠰᠤᠳᠤᠯᠤᠯᠳᠠ ᠬᠢᠬᠦ᠂ ᠰᠤᠷᠪᠤᠯᠵᠢᠯᠠᠯ ᠢ ᠶᠡᠭᠡ ᠪᠠᠷ ᠬᠦᠯᠢᠶᠡᠨ ᠠᠪᠬᠤ᠂ ᠶᠡᠭᠡ ᠪᠠᠷ ᠨᠠᠶᠢᠳᠠᠪᠤᠷᠢᠵᠢᠭᠤᠯᠬᠤ》 ᠪᠠᠷ ᠭᠤᠤᠯ ᠠᠭᠤᠯᠭ᠎ᠠ ᠪᠤᠯᠭᠠᠭᠰᠠᠨ 《ᠲᠦᠷᠪᠡᠨ ᠶᠡᠭᠡ ᠠᠵᠢᠯᠯᠠᠭ᠎ᠠ 》 ᠶᠢ ᠲᠦᠪᠯᠡᠷᠡᠬᠦᠯᠦᠨ ᠦᠷᠨᠢᠬᠦᠯᠵᠦ᠂ 《 ᠶᠠᠳᠠᠭᠤ ᠶᠢ ᠲᠡᠳᠬᠦᠬᠦ ᠪᠠᠬᠢᠯᠡᠯᠳᠡ ᠶᠢᠨ ᠢᠨᠵᠧᠨᠧᠷᠢᠩ᠂ ᠦᠢᠯᠡᠰ ᠪᠤᠰᠬᠠᠬᠤ ᠠᠵᠢᠯ ᠤᠯᠭᠤᠬᠤ ᠢᠨᠵᠧᠨᠧᠷᠢᠩ᠂ ᠠᠮᠤᠷ ᠲᠤᠭᠳᠠᠭᠤᠨ ᠢ ᠡᠬᠦᠳᠦᠨ ᠪᠠᠶᠢᠭᠤᠯᠬᠤ ᠢᠨᠵᠧᠨᠧᠷᠢᠩ᠂ ᠠᠷᠠᠳ  ᠤᠨ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ᠂ ᠴᠢᠳᠠᠪᠤᠷᠢᠳᠠᠨ ᠢ ᠬᠦᠮᠦᠵᠢᠬᠦᠯᠬᠦ ᠢᠨᠵᠧᠨᠧᠷᠢᠩ᠂ ᠺᠠᠳ᠋ᠷ ᠤᠨ ᠬᠡᠪ ᠰᠤᠷᠳᠠᠯ  ᠢ ᠲᠡᠭᠡᠭᠰᠢᠯᠡᠬᠦᠯᠬᠦ ᠢᠨᠵᠧᠨᠧᠷᠢᠩ 》 ᠢᠶᠠᠷ ᠭᠤᠤᠯ ᠠᠭᠤᠯᠭ᠎ᠠ ᠪᠤᠯᠭᠠᠭᠰᠠᠨ《ᠵᠢᠷᠭᠤᠭᠠᠨ ᠶᠡᠭᠡ ᠢᠨᠵᠧᠨᠧᠷᠢᠩ》  ᠢ ᠬᠦᠨᠵᠡᠬᠡᠢ ᠲᠦᠯᠬᠢᠨ ᠠᠬᠢᠭᠤᠯᠤᠨ᠎ᠠ ᠬᠡᠵᠦ ᠲᠤᠷᠠᠳᠴᠠᠢ᠃⒓《 ᠭᠤᠷᠪᠠᠨ ᠠᠯᠪᠠᠨ 》 ᠤ ᠵᠠᠷᠤᠳᠠᠯ᠄ ᠠᠯᠪᠠᠨ ᠤ ᠵᠤᠭᠤᠰ ᠢᠶᠠᠷ ᠭᠠᠳᠠᠭᠠᠳᠤ ︵ᠬᠢᠯᠢ︶ ᠳᠤ ᠭᠠᠷᠬᠤ  ᠵᠠᠷᠤᠳᠠᠯ ᠂ ᠠᠯᠪᠠᠨ ᠤ ᠵᠤᠭᠤᠰ ᠢᠶᠠᠷ ᠲᠡᠷᠬᠡ ᠬᠤᠳᠠᠯᠳᠤᠨ ᠠᠪᠬᠤ ᠵᠢᠴᠢ ᠰᠡᠯᠪᠢᠨ ᠵᠠᠰᠠᠬᠤ ᠵᠠᠷᠤᠳᠠᠯ᠂ ᠠᠯᠪᠠᠨ  ᠤ ᠵᠤᠭᠤᠰ ᠢᠶᠠᠷ ᠵᠤᠴᠢᠯᠠᠬᠤ ᠵᠠᠷᠤᠳᠠᠯ  ᠢ ᠵᠢᠭᠠᠨ᠎ᠠ᠃ ⒔ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠦ ᠠᠷᠠᠳ ᠢᠶᠠᠨ ᠪᠠᠶᠠᠵᠢᠭᠤᠯᠬᠤ ᠢᠨᠵᠧᠨᠧᠷᠢᠩ᠄ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ  ᠤᠨ ᠤᠷᠳᠤᠨ ᠤ《8337》 ᠬᠦᠭᠵᠢᠬᠦᠯᠦᠯᠳᠡ ᠵᠢᠨ‌‍ᠰᠡᠳᠬᠢᠴᠡ  ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠷᠤᠨ ᠤ ᠶᠠᠳᠠᠭᠤ ᠶᠢ ᠲᠡᠳᠬᠦᠬᠦ ᠪᠠᠬᠢᠯᠡᠯᠳᠡ ᠶᠢᠨ ᠢᠨᠵᠧᠨᠧᠷᠢᠩ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠦᠪᠡᠷᠳᠡᠬᠡᠨ ᠵᠠᠰᠠᠬᠤ ᠤᠷᠤᠨ ᠤ ᠵᠠᠰᠠᠭ  ᠤᠨ ᠤᠷᠳᠤᠨ ᠤ ᠵᠦᠪᠰᠢᠶᠡᠷᠡᠯ ᠢᠶᠠᠷ ᠶᠠᠪᠤᠭᠳᠠᠭᠤᠯᠵᠤ ᠪᠠᠶᠢᠭ᠎ᠠ ᠨᠢᠬᠡᠨ ᠴᠢᠬᠤᠯᠠ ᠠᠷᠭ᠎ᠠ ᠠᠪᠴᠠᠯ ᠪᠠᠶᠢᠵᠤ᠂ ᠶᠠᠳᠠᠭᠤ  ᠶᠢ ᠲᠡᠳᠬᠦᠬᠦ ᠪᠠᠶᠢᠭᠤᠯᠤᠮᠵᠢ ᠲᠤᠭᠳᠠᠴᠠ ᠶᠢᠨ ᠰᠢᠨ᠎ᠡ ᠶᠢ ᠡᠬᠦᠳᠬᠦ ᠠᠵᠢᠯᠯᠠᠭ᠎ᠠ ᠮᠦᠨ᠂ ᠮᠦᠨᠴᠦ ᠶᠠᠳᠠᠭᠤ ᠶᠢ ᠲᠡᠳᠬᠦᠬᠦ ᠠᠷᠭ᠎ᠠ ᠪᠠᠷᠢᠯ ᠤᠨ ᠴᠢᠬᠤᠯᠠ ᠬᠤᠪᠢᠷᠠᠯᠳᠠ ᠪᠠᠶᠢᠵᠤ᠂ ᠵᠠᠰᠠᠭ ᠤᠨ ᠤᠷᠳᠤᠨ ᠪᠤᠯᠤᠨ ᠵᠠᠬ᠎ᠠ ᠲᠡᠯᠬᠡᠬᠦᠷ ᠤᠨ ᠦᠢᠯᠡᠳᠦᠯ ᠢ ᠬᠦᠢᠴᠡᠳ ᠪᠠᠳᠠᠷᠠᠭᠤᠯᠬᠤ ᠳᠤ ᠠᠰᠢᠭᠳᠠᠢ ᠪᠠᠶᠢᠵᠤ᠂ ᠶᠠᠳᠠᠭᠤ ᠶᠢ ᠲᠡᠳᠬᠦᠬᠦ ᠡᠬᠢ ᠪᠠᠶᠠᠯᠢᠭ ᠢ ᠵᠤᠬᠢᠰᠳᠠᠢ ᠪᠦᠳᠦᠮᠵᠢᠳᠡᠢ ᠪᠠᠷ ᠲᠤᠬᠢᠷᠠᠭᠤᠯᠵᠦ᠂ ᠬᠦᠴᠦ ᠪᠠᠨ ᠲᠦᠪᠯᠡᠷᠡᠬᠦᠯᠦᠨ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠨ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠺᠠᠳ᠋ᠷ ᠤᠯᠠᠨ ᠲᠦᠮᠡᠨ ᠤ ᠢᠳᠡᠪᠬᠢᠵᠢᠯ ᠪᠠ ᠡᠬᠦᠳᠦᠨ ᠪᠦᠳᠦᠬᠡᠯᠴᠢ ᠴᠢᠨᠠᠷ ᠢ ᠬᠠᠮᠤᠭ ᠶᠡᠭᠡ   ᠪᠠᠷ ᠤᠷᠮᠠᠰᠢᠭᠤᠯᠤᠨ ᠬᠦᠭᠵᠢᠬᠡᠨ᠎ᠡ᠃ ᠶᠠᠳᠠᠭᠤ ᠶᠢ ᠲᠡᠳᠬᠦᠬᠦ ᠪᠡᠯᠡ ᠮᠦᠩᠬᠦ  ᠪᠠᠷ ᠲᠠᠮᠵᠢᠨ《 ᠮᠢᠩᠭᠠᠨ ᠯᠠᠩ ᠢᠶᠠᠷ ᠲᠦᠮᠡᠨ ᠵᠢᠩ  ᠢ ᠡᠷᠬᠦᠬᠦ》ᠦᠢᠯᠡᠳᠦᠯ  ᠢ ᠪᠠᠳᠠᠷᠠᠭᠤᠯᠵᠤ᠂ ᠮᠦᠩᠬᠦᠨ ᠬᠦᠢᠯᠬᠡᠬᠡᠨ  ᠤ ᠪᠡᠯᠡ ᠮᠦᠩᠬᠦ ᠶᠢ ᠶᠠᠳᠠᠭᠤ ᠶᠢ ᠲᠡᠳᠬᠦᠬᠦ ᠲᠡᠭᠡᠷ᠎ᠡ ᠬᠡᠷᠡᠭᠯᠡᠨ᠂ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠤ ᠪᠠᠳᠤᠯᠠᠭ᠎ᠠ ᠬᠢᠬᠦ ᠳᠤ ᠬᠦᠴᠢᠷ᠂ ᠵᠢᠬᠡᠯᠡᠯᠬᠡ ᠬᠢᠬᠦ ᠳᠤ ᠬᠦᠴᠢᠷ ᠠᠰᠠᠭᠤᠳᠠᠯ ᠢ ᠰᠢᠢᠳᠪᠦᠷᠢᠯᠡᠵᠦ᠂ ᠶᠠᠳᠠᠭᠤ ᠬᠦᠴᠢᠷᠳᠡᠯᠳᠡᠢ ᠮᠠᠯᠴᠢᠨ ᠲᠠᠷᠢᠶᠠᠴᠢᠨ ᠤ ᠦᠪᠡᠷᠳᠡᠬᠡᠨ ᠬᠦᠭᠵᠢᠬᠦ ᠴᠢᠳᠠᠪᠤᠷᠢ ᠶᠢ ᠬᠦᠮᠦᠵᠢᠬᠦᠯᠦᠨ᠂ ᠤᠷᠤᠯᠭ᠎ᠠ   ᠶᠢ ᠨᠡᠮᠡᠭᠳᠡᠬᠦᠯᠵᠦ᠂ ᠶᠠᠳᠠᠭᠤ ᠠᠴᠠ ᠠᠩᠬᠢᠵᠢᠷᠠᠭᠤᠯᠤᠨ ᠪᠠᠶᠠᠵᠢᠭᠤᠯᠤᠨ᠎ᠠ᠃⒕210 ᠶᠢᠨ ᠢᠨᠵᠧᠨᠧᠷᠢᠩ᠄ ᠲᠤᠳᠤᠭᠠᠳᠤ ᠶᠢ ᠬᠠᠮᠠᠭᠠᠯᠠᠬᠤ ᠶᠠᠮᠤᠨ ᠠᠴᠠ ᠲᠤᠷᠠᠳᠤᠭᠰᠠᠨ ᠵᠠᠷᠤᠳᠠᠯ ᠤᠨ ᠪᠠᠳᠤᠯᠠᠭ᠎ᠠ᠂ ᠲᠤᠨᠤᠭᠯᠠᠯ ᠤᠨ ᠪᠥᠳᠥᠬᠡᠨ ᠪᠠᠶᠢᠭᠤᠯᠤᠯᠳᠠ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠂ ᠪᠠᠴᠢᠮ ᠢ ᠠᠷᠭᠠᠴᠠᠭᠠᠬᠤ ᠪᠠᠳᠤᠯᠠᠭ᠎ᠠ᠂ ᠰᠠᠭᠤᠷᠢᠯᠠᠬᠤ ᠠᠵᠢᠯ᠂ ᠡᠩᠨᠡᠬᠡᠨ  ᠤ ᠪᠥᠳᠥᠬᠡᠨ ᠪᠠᠶᠢᠭᠤᠯᠤᠯᠳᠠ ᠶᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠶᠢᠨ 210 ᠵᠥᠢᠯ ᠤᠨ ᠭᠤᠤᠯᠳᠠᠯᠭ᠎ᠠ ᠲᠠᠢ ᠡᠬᠦᠷᠭᠡ ᠶᠢ ᠵᠢᠭᠠᠨ᠎ᠠ᠃⒖《532》᠂《456》 ᠠᠵᠢᠯᠯᠠᠬᠤ ᠠᠷᠭ᠎ᠠ᠄  ᠲᠦᠩᠯᠢᠶᠤᠤ ᠬᠤᠳᠠ᠂ ᠪᠤᠭᠤᠳᠤ ᠬᠤᠳᠠ ᠲᠤᠰᠪᠤᠷᠢ ᠬᠤᠷᠢᠶᠠᠩᠭᠤᠶᠢᠯᠠᠵᠤ ᠭᠠᠷᠭᠠᠭᠰᠠᠨ《532》 ᠠᠵᠢᠯᠯᠠᠬᠤ ᠠᠷᠭ᠎ᠠ ᠪᠠ《456》 ᠠᠵᠢᠯᠯᠠᠬᠤ ᠠᠷᠭ᠎ᠠ ᠪᠤᠯᠤᠨ᠎ᠠ᠃ ᠲᠡᠷᠡ ᠨᠢ ᠮᠠᠯᠵᠢᠬᠤ ᠲᠠᠷᠢᠶᠠᠯᠠᠬᠤ ᠤᠷᠤᠨ  ᠤ ᠦᠨᠳᠦᠰᠦᠨ ᠱᠠᠳᠤᠨ  ᠤ ᠨᠠᠮ  ᠤᠨ ᠵᠤᠬᠢᠶᠠᠨ ᠪᠠᠶᠢᠭᠤᠯᠤᠯᠳᠠ  ᠶᠢᠨ ᠬᠤᠶᠠᠷ ᠵᠦᠪᠯᠡᠯ  ᠤᠨ ᠪᠠᠭ  ᠤᠨ ᠬᠠᠮᠢᠶᠠᠷᠤᠯᠳᠠ ᠰᠢᠢᠳᠪᠦᠷᠢᠳᠦ ᠪᠤᠳᠤᠯᠭ᠎ᠠ ᠪᠠ ᠤᠳᠤᠷᠢᠳᠬᠤ ᠺᠠᠳ᠋ᠷᠴᠤᠳ ᠤᠯᠠᠨ ᠲᠦᠮᠡᠨ ᠲᠠᠢ ᠬᠠᠷᠢᠯᠴᠠᠵᠤ ᠠᠰᠠᠭᠤᠳᠠᠯ ᠰᠢᠢᠳᠪᠦᠷᠢᠯᠡᠬᠦ ᠶᠢ ᠲᠠᠷᠠᠭᠠᠯᠵᠢᠭᠤᠯᠵᠤ᠂ ᠪᠤᠳᠠᠳᠠᠶᠢᠵᠢᠭᠤᠯᠵᠤ᠂ ᠨᠠᠷᠢᠯᠢᠭᠵᠢᠭᠤᠯᠵᠤ᠂ ᠦᠢᠯᠡᠳᠦᠯᠬᠡ ᠪᠠᠷ ᠲᠠᠮᠵᠢᠨ ᠰᠠᠶᠢᠨ ᠦᠷ᠎ᠡ ᠪᠦᠳᠦᠮᠵᠢ ᠤᠯᠤᠭᠠᠳ᠂ ᠲᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ  ᠤ ᠤᠳᠤᠷᠢᠳᠤᠯᠭ᠎ᠠ  ᠶᠢᠨ ᠰᠠᠶᠢᠰᠢᠶᠠᠯ  ᠢ ᠤᠯᠵᠤ᠂ ᠨᠡᠶᠢᠳᠡᠯᠢᠭ ᠲᠤᠷᠰᠢᠯᠭ᠎ᠠ ᠪᠤᠯᠭᠠᠨ ᠡᠬᠢᠯᠡᠵᠦ ᠲᠡᠯᠬᠡᠷᠡᠬᠦᠯᠵᠡᠢ᠃ᠭᠠᠴᠠᠭ᠎ᠠ ᠲᠤᠰᠬᠤᠨ ᠤ ᠠᠷᠠᠳᠴᠢᠯᠠᠯ ᠤᠨ ᠬᠠᠮᠢᠶᠠᠷᠤᠯᠳᠠ ᠶᠢᠨ ︽532︾  ᠠᠵᠢᠯᠯᠠᠬᠤ ᠠᠷᠭ᠎ᠠ᠄ ᠭᠠᠴᠠᠭ᠎ᠠ ᠲᠤᠰᠬᠤᠨ ᠤ ᠲᠡᠰ ᠤᠨ ᠴᠢᠬᠤᠯᠠ ᠶᠡᠭᠡ ᠤᠴᠢᠷ ᠶᠠᠪᠤᠳᠠᠯ  ᠳᠤ ᠡᠷᠬᠡᠪᠰᠢ ︽ᠲᠠᠪᠤᠨ ᠲᠠᠷᠠᠭᠠᠯᠠᠯ︾ ᠢ ᠴᠢᠩᠭ᠎ᠠ ᠬᠦᠢᠴᠡᠳᠬᠡᠨ᠂ ︽ᠭᠤᠷᠪᠠ ᠤᠳᠠᠭ᠎ᠠ ᠶᠢᠨ ᠬᠢᠨᠠᠯᠳᠠ︾ ᠶᠢ ᠲᠡᠰ ᠲᠠᠷᠠᠭᠠᠯᠠᠨ ᠶᠠᠪᠤᠭᠳᠠᠭᠤᠯᠵᠤ᠂ ︽ᠬᠤᠶᠠᠷ ᠢ ᠨᠡᠶᠢᠳᠡᠯᠡᠬᠦ︾ ᠶᠢ ᠪᠠᠷᠢᠮᠳᠠᠯᠠᠨ ᠬᠡᠷᠡᠭᠵᠢᠬᠦᠯᠥᠨ᠎ᠡ᠃ ︽ᠲᠠᠪᠤᠨ ᠲᠠᠷᠠᠭᠠᠯᠠᠯ︾  ᠬᠡᠳᠡᠭ ᠨᠢ ᠨᠠᠮ ᠤᠨ ᠡᠬᠦᠷ ᠠᠴᠠ ᠰᠠᠨᠠᠭᠤᠯᠭ᠎ᠠ ᠲᠤᠷᠠᠳᠬᠤ᠂《 ᠬᠤᠶᠠᠷ ᠵᠦᠪᠯᠡᠯ 》 ᠠᠴᠠ ᠵᠥᠪᠳᠡᠯᠴᠡᠬᠦ᠂ ᠨᠠᠮ ᠤᠨ ᠬᠡᠰᠢᠬᠦᠳ ᠤᠨ ᠶᠡᠭᠡ ᠬᠤᠷᠠᠯ   ᠢᠶᠠᠷ ᠬᠢᠨᠡᠨ ᠵᠥᠪᠯᠡᠬᠦ᠂ ᠭᠠᠴᠠᠭ᠎ᠠ ᠲᠤᠰᠬᠤᠨ ᠤ ᠠᠷᠠᠳ ᠤᠨ ᠲᠥᠯᠥᠬᠡᠯᠡᠭᠴᠢᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠬᠤᠷᠠᠯ ᠢᠶᠠᠷ ᠰᠢᠢᠳᠪᠦᠷᠢ ᠭᠠᠷᠭᠠᠬᠤ᠂ ︽ᠬᠤᠶᠠᠷ ᠵᠦᠪᠯᠡᠯ︾  ᠬᠠᠮᠳᠤᠪᠡᠷ ᠵᠤᠬᠢᠶᠠᠨ ᠪᠠᠶᠢᠭᠤᠯᠵᠤ ᠬᠡᠷᠡᠭᠵᠢᠬᠦᠯᠬᠦ ᠶᠢ ᠵᠢᠭᠠᠨ᠎ᠠ᠃ ︽ᠭᠤᠷᠪᠠ ᠤᠳᠠᠭ᠎ᠠ ᠶᠢᠨ ᠬᠢᠨᠡᠯᠳᠡ︾  ᠭᠡᠳᠡᠭ ᠨᠢ ᠳᠠᠷᠤᠢ ᠰᠤᠮᠤ ᠪᠠᠯᠭᠠᠰᠤ ᠭᠠᠴᠠᠭ᠎ᠠ ᠲᠤᠰᠬᠤᠨ ᠤ ᠠᠵᠢᠯ ᠢ ᠵᠤᠬᠢᠴᠠᠭᠤᠯᠤᠨ ᠵᠢᠯᠤᠭᠤᠳᠬᠤ ᠲᠤᠭᠤᠶᠢᠯᠠᠩ ᠭᠠᠴᠠᠭ᠎ᠠ ᠲᠤᠰᠬᠤᠨ ᠤ ︽ᠬᠤᠶᠠᠷ  ᠵᠦᠪᠯᠡᠯ︾  ᠤᠨ ᠵᠦᠪᠯᠡᠭᠰᠡᠨ ᠰᠠᠨᠠᠯ  ᠢ ᠬᠢᠨᠠᠬᠤ᠂ ᠨᠠᠮ ᠤᠨ ᠬᠡᠰᠢᠬᠦᠳ ᠤᠨ ᠶᠡᠭᠡ ᠬᠤᠷᠠᠯ ᠪᠠ ᠭᠠᠴᠠᠭ᠎ᠠ ᠲᠤᠰᠬᠤᠨ ᠤ ᠲᠥᠯᠥᠬᠡᠯᠡᠭᠴᠢᠳ ᠤᠨ ᠬᠤᠷᠠᠯ ᠪᠤᠶᠤ ᠭᠠᠴᠠᠭ᠎ᠠ ᠲᠤᠰᠬᠤᠨ ᠤ ᠠᠷᠠᠳ ᠤᠨ ᠬᠤᠷᠠᠯ ᠢᠶᠠᠷ ᠬᠢᠨᠠᠨ ᠵᠥᠪᠯᠡᠵᠥ ᠪᠠᠳᠤᠯᠠᠭᠰᠠᠨ ᠲᠠᠷᠠᠭᠠᠯᠠᠯ ᠢ ᠬᠢᠨᠠᠬᠤ᠂ ᠭᠠᠴᠠᠭ᠎ᠠ ᠲᠤᠰᠬᠤᠨ ᠤ ᠵᠥᠪᠳᠡᠯᠴᠡᠨ ᠲᠤᠬᠢᠷᠠᠭᠰᠠᠨ ᠬᠡᠷᠡᠭ ᠵᠥᠢᠯ  ᠢ ᠬᠡᠷᠡᠭᠵᠢᠬᠦᠯᠦᠭᠰᠡᠨ ᠤ ᠲᠠᠷᠠᠭᠠᠬᠢ ᠡᠳ᠋ ᠤᠨ ᠶᠠᠪᠤᠳᠠᠯ ᠤᠨ ᠤᠷᠤᠯᠭ᠎ᠠ ᠵᠠᠷᠤᠯᠭ᠎ᠠ ᠶᠢᠨ ᠲᠠᠩᠰᠨ ᠶᠢ ᠭᠠᠴᠠᠭ᠎ᠠ ᠲᠤᠰᠬᠤᠨ ᠳᠤ ᠤᠷᠤᠭᠤᠯᠬᠤ ︽ᠬᠢᠨᠠᠨ ᠲᠠᠰᠤᠯᠤᠯᠳᠠ︾   ᠶᠢ ᠬᠢᠨᠠᠬᠤ ᠶᠢ ᠵᠢᠭᠠᠨ᠎ᠠ᠃ ︽ ᠬᠤᠶᠠᠷ ᠢ  ᠨᠡᠶᠢᠳᠡᠯᠡᠬᠦ︾  ᠭᠡᠳᠡᠭ ᠨᠢ ᠰᠢᠢᠳᠪᠥᠷᠢ ᠶᠢ ᠬᠡᠷᠡᠭᠵᠢᠬᠦᠯᠬᠦ   ᠠᠴᠠ ᠡᠮᠤᠨ᠎ᠡ ᠤᠯᠠᠨ ᠲᠥᠮᠡᠨ ᠳᠤ ᠬᠡᠷᠡᠭᠵᠢᠬᠦᠯᠬᠦ ᠲᠦᠰᠦᠯ ᠢ ᠨᠡᠶᠢᠳᠡᠯᠡᠬᠦ᠂ ᠰᠢᠢᠳᠪᠥᠷᠢ ᠶᠢ ᠬᠡᠷᠡᠭᠵᠢᠬᠦᠯᠥᠭᠰᠡᠨ ᠤ ᠬᠤᠶᠢᠨ᠎ᠠ ᠤᠯᠠᠨ ᠲᠥᠮᠡᠨ ᠳᠤ ᠬᠡᠷᠡᠭᠵᠢᠬᠦᠯᠥᠭᠰᠡᠨ ᠶᠠᠪᠤᠴᠠ ᠪᠠ ᠥᠷ᠎ᠡ ᠳ᠋ᠦᠩ ᠢ ᠨᠡᠶᠢᠳᠡᠯᠡᠬᠦ ᠶᠢ ᠪᠠᠭᠳᠠᠭᠠᠨ᠎ᠠ᠃ ᠺᠠᠳ᠋ᠷᠴᠤᠳ ᠣᠯᠠᠨ ᠲᠥᠮᠡᠨ ᠲᠠᠢ ᠬᠠᠷᠢᠯᠴᠠᠵᠤ ᠣᠶᠢᠯᠡᠴᠢᠯᠡᠬᠦ ︽456︾  ᠠᠵᠢᠯᠯᠠᠬᠤ ᠠᠷᠭ᠎ᠠ  ᠄ ︽4︾  ᠪᠣᠯ ᠲᠥᠷᠥ ᠶᠢᠨ ᠪᠣᠳᠣᠯᠭ᠎ᠠ ᠶᠢ ᠣᠬᠠᠭᠤᠯᠣᠨ  ᠲᠠᠶᠢᠯᠪᠤᠷᠢᠯᠠᠬᠤ᠂ ᠠᠰᠠᠭᠤᠳᠠᠯ ᠢ ᠰᠡᠢᠳᠪᠣᠷᠢᠯᠡᠬᠦ᠂ ᠬᠥᠴᠢᠷ ᠢ ᠬᠠᠪᠰᠣᠷᠣᠨ ᠪᠠᠶᠠᠵᠢᠯ ᠢ ᠲᠠᠭᠠᠭᠤᠯᠬᠤ᠂ ᠣᠯᠠᠨ ᠲᠥᠮᠡᠨ ᠵᠥᠪᠯᠡᠨ ᠲᠣᠭᠲᠠᠭᠠᠬᠤ ᠪᠠᠷ ᠭᠤᠣᠯ ᠠᠭᠤᠯᠭ᠎ᠠ ᠪᠠᠨ ᠪᠣᠯᠭᠠᠭᠰᠠᠨ ︽ᠲᠦᠷᠪᠡ ᠶᠢ ᠡᠷᠦᠬᠡ  ᠳᠤ ᠤᠷᠤᠭᠤᠯᠬᠤ︾  ᠠᠵᠢᠯᠯᠠᠭ᠎ᠠ ᠶᠢ ᠵᠢᠭᠠᠨ᠎ᠠ᠃ ︽5︾ ᠪᠣᠯ ᠺᠠᠷᠲ ᠲᠠᠷᠬᠠᠭᠠᠨ ᠠᠰᠠᠭᠤᠳᠠᠯ  ᠤᠶᠢᠯᠠᠭᠠᠬᠤ᠂ ᠡᠳᠣᠷ ᠤᠨ ᠲᠡᠮᠳᠡᠭᠯᠡᠯ ᠢᠶᠠᠷ ᠠᠰᠠᠭᠤᠳᠠᠯ ᠢ ᠵᠠᠳᠠᠯᠣᠨ ᠰᠢᠨᠵᠢᠯᠡᠬᠦ᠂ ᠲᠠᠩᠰᠠ ᠡᠪᠬᠡᠮᠡᠯ ᠪᠠᠶᠢᠭᠤᠯᠵᠣ ᠠᠰᠠᠭᠤᠳᠠᠯ ᠢ ᠵᠤᠬᠢᠴᠠᠭᠤᠯᠤᠨ ᠲᠢᠭᠯᠡᠬᠦ᠂ ᠲᠣᠰᠬᠠᠢ ᠠᠵᠢᠯ   ᠢᠶᠠᠷ ᠠᠰᠭᠤᠳᠠᠯ ᠢ ᠰᠡᠢᠳᠪᠣᠷᠢᠯᠡᠬᠦ᠂ ᠲᠠᠩᠰᠠᠨ ᠳᠤ ᠤᠷᠤᠭᠤᠯᠵᠤ ᠠᠰᠠᠭᠤᠳᠠᠯ ᠤᠨ ᠰᠢᠢᠳᠪᠥᠷᠢᠯᠡᠭᠰᠠᠨ ᠪᠠᠶᠢᠳᠡᠯ ᠢ ᠰᠢᠯᠭᠠᠨ ᠬᠢᠨᠠᠬᠤ ᠪᠠᠷ ᠭᠤᠣᠯ ᠠᠭᠤᠯᠭ᠎ᠠ ᠪᠠᠨ ᠪᠣᠯᠭᠠᠭᠰᠠᠨ ︽ᠲᠠᠪᠣᠨ ᠠᠷᠭ᠎ᠠ ᠪᠠᠷ ᠲᠠᠷᠠᠭᠠᠯᠠᠨ ᠠᠬᠢᠭᠤᠯᠬᠤ︾ ᠠᠷᠭ᠎ᠠ ᠬᠡᠮᠵᠢᠶ᠎ᠠ ᠶᠢ ᠵᠢᠭᠠᠨ᠎ᠠ᠃ ︽6︾ ᠪᠤᠯ ᠰᠠᠷ᠎ᠠ ᠪᠥᠷᠢ ᠳᠤ ᠭᠠᠴᠠᠭ᠎ᠠ ᠲᠤᠰᠬᠤᠨ᠂ ᠨᠡᠶᠢᠭᠡᠮ ᠲᠤᠭᠤᠷᠢᠭ ᠤᠨ ︽ᠬᠤᠶᠠᠷ ᠵᠦᠪᠯᠡᠯ︾  ᠤᠨ ᠪᠠᠭ ᠢᠶᠠᠷ ᠨᠢᠬᠡ ᠤᠳᠠᠭ᠎ᠠ ᠪᠤᠯᠭᠤᠭᠠᠨ ᠥᠵᠡᠬᠦ᠂ ᠤᠯᠠᠷᠢᠯ ᠪᠥᠷᠢ ᠳᠤ ᠬᠠᠪᠰᠤᠷᠬᠤ ᠡᠳᠡᠭᠡᠳ ᠢ ᠨᠢᠬᠡ ᠤᠳᠠᠭ᠎ᠠ ᠪᠤᠯᠭᠤᠭᠠᠨ ᠥᠵᠡᠬᠦ᠂ ᠤᠯᠠᠷᠢᠯ ᠪᠥᠷᠢ ᠳᠤ ᠤᠨᠴᠠᠭᠠᠢ ᠬᠦᠮᠦᠰ ᠢ ᠨᠢᠭᠡ ᠤᠳᠠᠭ᠎ᠠ ᠪᠤᠯᠭᠤᠭᠠᠨ ᠥᠵᠡᠬᠦ᠂ ᠬᠠᠭᠠᠰ ᠵᠢᠯ ᠪᠦᠷᠢ  ᠳᠤ ᠵᠢᠱᠢᠶᠡᠴᠢ ᠬᠥᠮᠥᠰ ᠢ ᠨᠢᠬᠡ ᠤᠳᠠᠭ᠎ᠠ ᠪᠤᠯᠭᠤᠭᠠᠨ ᠥᠵᠡᠬᠦ᠂ ᠬᠠᠭᠠᠰ ᠵᠢᠯ ᠪᠥᠷᠢ ᠳᠤ ᠥᠢᠯᠡᠳᠪᠥᠷᠢ ᠬᠤᠳᠠᠯᠳᠤᠭᠠᠨ ᠤ ᠬᠤᠪᠢ ᠶᠢᠨ ᠡᠵᠡᠩᠨᠡᠯᠳᠠ ᠶᠢᠨ ᠡᠷᠥᠬᠡ ᠶᠢ ᠨᠢᠬᠡ ᠤᠳᠠᠭ᠎ᠠ ᠪᠤᠯᠭᠤᠭᠠᠨ ᠥᠵᠡᠬᠦ᠂ ᠤᠯᠠᠷᠢᠯ ᠪᠥᠷᠢ ᠳᠤ ᠠᠷᠠᠳ ᠤᠨ ᠠᠮᠢᠳᠤᠷᠠᠯ ᠤᠨ ᠲᠥᠷᠥ ᠶᠢᠨ ᠪᠤᠳᠤᠯᠭ᠎ᠠ ᠶᠢᠨ ᠨᠠᠶᠢᠳᠠᠪᠣᠷᠢᠵᠢᠭᠰᠠᠨ ᠪᠠᠶᠢᠳᠠᠯ ᠢ ᠨᠢᠭᠡ ᠤᠳᠠᠭ᠎ᠠ ᠵᠤᠬᠢᠴᠠᠭᠤᠯᠤᠨ ᠲᠢᠭᠯᠡᠬᠦ ᠪᠠᠷ ᠭᠤᠤᠯ ᠠᠭᠤᠯᠭ᠎ᠠ ᠪᠤᠯᠭᠠᠭᠰᠠᠨ ︽ᠵᠢᠷᠭᠤᠭᠠᠨ ᠨᠢᠭᠡ ᠤᠳᠠᠭ᠎ᠠ︾ ᠶᠢ ᠵᠢᠭᠠᠨ᠎ᠠ᠃⒗ ᠵᠠᠭᠤ ᠮᠢᠩᠭ᠎ᠠ ᠶᠢᠨ ᠢᠨᠵᠧᠨᠧᠷᠢᠩ᠄《 ᠮᠢᠩᠭᠠᠨ ᠨᠠᠮ  ᠤᠨ ᠬᠡᠰᠢᠬᠦᠨ ᠮᠢᠩᠭᠠᠨ ᠬᠦᠮᠦᠨ  ᠢ ᠬᠠᠪᠰᠤᠷᠴᠤ᠂ ᠵᠠᠭᠤᠨ ᠨᠠᠮ  ᠤᠨ ᠡᠬᠦᠷ ᠵᠠᠭᠤᠨ ᠭᠠᠵᠠᠷ ᠲᠠᠢ ᠬᠤᠯᠪᠤᠯᠳᠤᠬᠤ 》 ᠠᠵᠢᠯᠯᠠᠭ᠎ᠠ  ᠶᠢ ᠵᠢᠭᠠᠵᠤ ᠪᠠᠶᠢᠨ᠎ᠠ᠃ ᠪᠦᠬᠦ ᠬᠤᠰᠢᠭᠤᠨ ᠤ ᠨᠠᠮ ᠵᠠᠰᠠᠭ ᠤᠨ ᠠᠯᠪᠠᠨ ᠪᠠᠶᠢᠭᠤᠯᠭ᠎ᠠ  ᠶᠢᠨ ᠮᠢᠩᠭᠠᠨ ᠳᠡᠳ᠋ ᠰᠠᠯᠠᠭᠠᠨ ᠳᠡᠰ  ᠠᠴᠠ ᠳᠡᠬᠡᠭᠰᠢᠬᠢ ᠤᠳᠤᠷᠢᠳᠤᠯᠭ᠎ᠠ᠂ ᠨᠠᠮ ᠤᠨ ᠬᠡᠰᠢᠬᠦᠨ᠂ ᠪᠡᠯᠡᠳᠬᠡᠯ ᠺᠠᠳ᠋ᠷ ᠵᠢᠴᠢ ᠨᠠᠮ ᠳᠤ ᠣᠷᠣᠬᠤ ᠢᠳᠡᠪᠬᠢᠳᠡᠳ ᠰᠠᠶᠢᠨ ᠳᠤᠷ᠎ᠠ  ᠠᠴᠠ ᠪᠠᠨ ᠮᠢᠩᠭᠠᠨ ᠬᠦᠴᠢᠷᠳᠡᠯᠳᠡᠢ ᠨᠠᠮ ᠤᠨ ᠬᠡᠰᠢᠬᠦᠨ ᠤᠯᠠᠨ ᠳᠦᠮᠡᠨ  ᠢ ᠳᠡᠮᠵᠢᠨ᠎ᠡ︔ ᠪᠦᠬᠦ ᠬᠤᠰᠢᠭᠤᠨ ᠤ ᠵᠠᠭᠤᠨ ᠰᠢᠭᠤᠳ ᠬᠠᠷᠢᠶ᠎ᠠ ᠠᠵᠢᠯ ᠦᠢᠯᠡᠰ ᠤᠨ ᠨᠢᠬᠡᠴᠡ ᠶᠢᠨ ᠨᠠᠮ ᠤᠨ ᠵᠤᠬᠢᠶᠠᠨ ᠪᠠᠶᠢᠭᠤᠯᠤᠯᠳᠠ ᠨᠢ ᠵᠠᠭᠤᠨ ᠰᠤᠮᠤ ᠪᠠᠯᠭᠠᠰᠤ ᠭᠠᠴᠠᠭ᠎ᠠ ᠳᠤᠰᠬᠤᠨ᠂ ᠨᠡᠶᠢᠬᠡᠮ ᠳᠤᠭᠤᠷᠢᠭ  ᠤᠨ ᠨᠠᠮ ᠤᠨ ᠵᠤᠬᠢᠶᠠᠨ ᠪᠠᠶᠢᠭᠤᠯᠤᠯᠳᠠ ᠲᠠᠢ ᠬᠤᠯᠪᠤᠯᠳᠤᠨ᠂ ᠤᠷᠳᠤ ᠬᠤᠭᠤᠴᠠᠭ᠎ᠠ ᠪᠠᠷ ᠰᠤᠷᠤᠯᠴᠠᠬᠤ᠂ ᠠᠵᠢᠯᠯᠠᠭ᠎ᠠ ᠵᠤᠬᠢᠶᠠᠨ ᠪᠠᠶᠢᠭᠤᠯᠬᠤ᠂ ᠬᠠᠷᠢᠯᠴᠠᠬᠤ ᠳᠤᠭᠳᠠᠴᠠ  ᠶᠢ ᠪᠦᠷᠢᠯᠳᠦᠬᠦᠯᠬᠦ ᠶᠢ ᠵᠢᠭᠠᠵᠤ ᠪᠠᠶᠢᠨ᠎ᠠ᠃⒘《 ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》 ᠢᠨᠵᠧᠨᠧᠷᠢᠩ᠄ ᠠᠶᠢᠮᠠᠭ  ᠤᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠳᠡᠰ ᠤᠨ《 ᠪᠦᠬᠦ ᠠᠶᠢᠮᠠᠭ  ᠤᠨ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ〈ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ〉ᠢᠨᠵᠧᠨᠧᠷᠢᠩ ᠢ ᠬᠡᠷᠡᠭᠵᠢᠬᠦᠯᠬᠦ ᠲᠦᠰᠦᠯ》 ᠤᠨ ᠱᠠᠭᠠᠷᠳᠠᠯᠭ᠎ᠠ ᠶᠢ ᠦᠨᠳᠦᠰᠦᠯᠡᠵᠦ᠂ ᠮᠠᠨ  ᠤ ᠬᠤᠰᠢᠭᠤ ᠨᠢ ᠪᠦᠬᠦ ᠬᠤᠰᠢᠭᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ《ᠭᠤᠷᠪᠠᠵᠢᠭᠤᠯᠬᠤ ᠪᠠ ᠲᠠᠪᠤ ᠶᠢ ᠬᠦᠮᠦᠵᠢᠬᠦᠯᠬᠦ》ᠢᠨᠵᠧᠨᠧᠷᠢᠩ ᠢ ᠬᠡᠷᠡᠭᠵᠢᠬᠦᠯᠪᠡ᠃《ᠭᠤᠷᠪᠠᠵᠢᠭᠤᠯᠬᠤ》ᠬᠡᠳᠡᠭ ᠨᠢ᠄ ᠤᠯᠠᠨ ᠲᠦᠮᠡᠨ ᠤ ᠠᠵᠢᠯ ᠢ ᠪᠠᠶᠢᠩᠭᠤ ᠶᠢᠨ ᠪᠤᠯᠭᠠᠬᠤ᠂ ᠲᠦᠷᠢᠮᠵᠢᠬᠦᠯᠬᠦ᠂ ᠪᠦᠬᠦ ᠲᠠᠯ᠎ᠠ ᠶᠢ ᠬᠠᠮᠤᠷᠠᠭᠤᠯᠬᠤ ᠶᠢ ᠵᠢᠭᠠᠨ᠎ᠠ︔《 ᠲᠠᠪᠦ ᠶᠢ ᠬᠦᠮᠦᠵᠢᠬᠦᠯᠬᠦ》ᠭᠡᠳᠡᠭ ᠨᠢ᠄ ᠰᠤᠷᠤᠯᠴᠠᠬᠤ ᠬᠡᠯᠪᠡᠷᠢ  ᠶᠢᠨ ᠨᠠᠮ ᠤᠨ ᠵᠤᠬᠢᠶᠠᠨ ᠪᠠᠶᠢᠭᠤᠯᠤᠯᠳᠠ᠂ ᠦᠢᠯᠡᠴᠢᠯᠡᠬᠦ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ᠂ ᠰᠢᠨ᠎ᠡ  ᠶᠢ ᠡᠬᠦᠳᠬᠦ ᠬᠡᠯᠪᠡᠷᠢ  ᠶᠢᠨ ᠨᠠᠮ ᠤᠨ ᠵᠤᠬᠢᠶᠠᠨ ᠪᠠᠶᠢᠭᠤᠯᠤᠯᠳᠠ᠂ ᠠᠷᠢᠭᠤᠨ ᠴᠢᠬᠡᠴᠢ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ᠂ ᠡᠶ᠎ᠡ ᠵᠤᠬᠢᠴᠠᠩᠭᠤᠢ ᠬᠡᠯᠪᠡᠷᠢ ᠶᠢᠨ ᠨᠠᠮ ᠤᠨ ᠵᠤᠬᠢᠶᠠᠨ ᠪᠠᠶᠢᠭᠤᠯᠤᠯᠳᠠ ᠶᠢ ᠬᠦᠮᠦᠵᠢᠬᠦᠯᠦᠨ᠎ᠡ᠃⒙ ᠪᠡᠬᠡᠵᠢᠩ ᠠᠴᠠ ᠰᠢᠨᠵᠢᠶᠠᠩ ᠬᠦᠷᠬᠦ ᠲᠦᠷᠬᠡᠨ ᠵᠠᠮ᠄ ᠪᠡᠬᠡᠵᠢᠩ ᠠᠴᠠ ᠰᠢᠨᠵᠢᠶᠠᠩ ᠬᠦᠷᠬᠦ ᠲᠦᠷᠬᠡᠨ ᠵᠠᠮ  ᠤᠨ ᠯᠢᠨ ᠾᠧ  ᠠᠴᠠ ᠪᠠᠢ ᠭᠧ ᠳ᠋ᠠ ᠬᠦᠷᠬᠦ ᠠᠯᠠᠱᠠ ᠠᠶᠢᠮᠠᠭ  ᠤᠨ ᠬᠡᠪᠴᠢᠶᠡᠨ ᠲᠤᠳᠤᠷᠠᠬᠢ ᠪᠦᠬᠦ ᠤᠷᠳᠤ ᠨᠢ 818 ᠺᠢᠯᠤᠮᠧᠲᠷ ᠪᠠᠶᠢᠵᠤ᠂ ᠠᠯᠠᠱᠠ ᠵᠡᠬᠦᠨ ᠬᠤᠰᠢᠭᠤᠨ ᠳᠠᠬᠢ ᠬᠡᠰᠡᠭ  ᠤᠨ ᠪᠦᠬᠦ ᠤᠷᠳᠤ ᠨᠢ ᠪᠠᠷᠤᠭ 257 ᠺᠢᠯᠤᠮᠧᠲᠷ  ᠂ ᠵᠠᠮ ᠱᠤᠭᠤᠮ ᠤᠨ ᠡᠬᠢᠯᠡᠯᠳᠡ ᠨᠢ ᠪᠡᠬᠡᠵᠢᠩ ᠠᠴᠠ ᠲᠦᠪᠡᠳ ᠬᠦᠷᠬᠦ ᠲᠦᠷᠬᠡᠨ ᠵᠠᠮ ᠤᠨ ᠯᠢᠨ ᠾᠧ  ᠳᠠᠬᠢ ᠵᠠᠮ  ᠤᠨ ᠠᠭᠤᠯᠵᠠᠷ ᠠᠴᠠ ᠡᠬᠢᠯᠡᠵᠦ᠂ ᠨᠢᠬᠡᠨᠳᠡ ᠵᠠᠰᠠᠵᠤ ᠲᠠᠭᠤᠰᠬᠠᠭᠰᠠᠨ ᠪᠡᠬᠡᠵᠢᠩ  ᠠᠴᠠ ᠲᠦᠪᠡᠳ ᠬᠦᠷᠬᠦ ᠲᠦᠷᠭᠡᠨ ᠵᠠᠮ ᠲᠠᠢ ᠵᠠᠯᠭᠠᠭᠤᠯᠵᠤ᠂ ᠵᠡᠬᠦᠨ ᠬᠤᠰᠢᠭᠤᠨ  ᠤ ᠬᠢᠯᠢ ᠲᠤᠳᠤᠷ᠎ᠠ ᠦᠯᠵᠡᠢ᠂ ᠰᠤᠬᠤᠩᠳᠤ᠂ ᠤᠯᠠᠨᠪᠤᠯᠠᠭ ᠰᠤᠮᠤ ᠪᠠᠷ ᠦᠩᠬᠡᠷᠡᠨ᠂ ᠲᠡᠬᠦᠰᠬᠡᠯ ᠤᠨ ᠴᠡᠭ ᠨᠢ ᠪᠠᠢ ᠭᠧ ᠳ᠋ᠠ ᠬᠦᠷᠦᠨ᠎ᠡ ︵ᠦᠪᠦᠷ ᠮᠤᠩᠭᠤᠯ ᠭᠠᠨᠰᠤ ᠶᠢᠨ ᠵᠠᠭᠠᠭ︶᠃ ᠲᠦᠷᠬᠡᠨ ᠵᠠᠮ ᠤᠨ ᠪᠠᠷᠢᠮᠵᠢᠶ᠎ᠠ ᠪᠠᠷ ᠪᠦᠳᠦᠬᠡᠨ ᠪᠠᠶᠢᠭᠤᠯᠵᠤ᠂ ᠢᠨᠵᠧᠨᠧᠷᠢᠩ ᠤᠨ ᠪᠦᠳᠦᠬᠡᠨ ᠪᠠᠶᠢᠭᠤᠯᠬᠤ ᠬᠤᠭᠤᠴᠠᠭ᠎ᠠ ᠨᠢ ᠭᠤᠷᠪᠠᠨ ᠵᠢᠯ᠂ 2014 ᠤᠨ ᠠᠴᠠ ᠡᠬᠢᠯᠡᠵᠦ ᠪᠠᠶᠢᠭᠤᠯᠤᠨ᠂ 2016 ᠤᠨ ᠳᠤ ᠪᠠᠶᠢᠭᠤᠯᠵᠤ ᠲᠠᠭᠤᠰᠬᠠᠨ᠎ᠠ᠃ ᠲᠦᠰᠦᠪᠯᠡᠨ ᠪᠤᠳᠤᠭᠰᠠᠨ ᠶᠡᠷᠦᠩᠬᠡᠢ ᠪᠡᠯᠡ ᠤᠷᠤᠭᠤᠯᠤᠯᠳᠠ ᠨᠢ 292.58 ᠳ᠋ᠦᠩᠰᠢᠭᠤᠷ ᠲᠦᠬᠦᠷᠢᠭ ᠪᠤᠯᠤᠨ᠎ᠠ᠃⒚ ᠭᠠᠨ ᠲᠠᠩ ᠠᠴᠠ ᠡᠤ ᠸᠧᠢ ᠬᠦᠷᠬᠦ ᠬᠤᠶᠠᠳᠤᠭᠠᠷ ᠱᠤᠭᠤᠮ᠄ ᠭᠠᠨ ᠲᠠᠩ  ᠠᠴᠠ ᠡᠤ ᠸᠧᠢ ᠨᠠᠨ ᠬᠦᠷᠬᠦ ᠲᠡᠮᠦᠷ ᠵᠠᠮ  ᠤᠨ ᠬᠤᠶᠠᠳᠤᠭᠠᠷ ᠱᠤᠭᠤᠮ  ᠢ ᠨᠡᠮᠡᠨ ᠪᠠᠶᠢᠭᠤᠯᠬᠤ ᠢᠨᠵᠧᠨᠧᠷᠢᠩ᠂ ᠵᠠᠮ ᠱᠤᠭᠤᠮ ᠨᠢ  ᠨᠢᠩᠰᠢᠶᠠ ᠶᠢᠨ ᠲᠡᠷᠡᠰᠦᠨ ᠬᠤᠳᠠ ᠶᠢᠨ ᠭᠠᠨ ᠲᠠᠨ ᠪᠠᠯᠭᠠᠰᠤ ᠠᠴᠠ ᠡᠬᠢᠯᠡᠵᠦ᠂ ᠦᠪᠦᠷ ᠮᠤᠩᠭᠤᠯ  ᠤᠨ ᠠᠯᠠᠱᠠ ᠵᠡᠬᠦᠨ ᠬᠤᠰᠢᠭᠤ ︵ᠤᠨᠳᠤᠷᠤᠯᠳᠤ ᠪᠠᠯᠭᠠᠰᠤ︶᠂ ᠭᠠᠨᠰᠤ  ᠶᠢᠨ ᠵᠢᠩ ᠲᠠᠢ ᠰᠢᠶᠠᠨ᠂ ᠭᠦ᠋ ᠯᠠᠩ ᠰᠢᠶᠠᠨ ᠤ ᠪᠠᠷᠠᠭᠤᠨ ᠠᠴᠠ ᠡᠤ ᠸᠧᠢ ᠬᠤᠳᠠ ᠶᠢᠨ ᠯᠢᠶᠠᠩ ᠵᠸᠤ ᠲᠤᠭᠤᠷᠢᠭ ᠤᠨ ᠡᠤ ᠸᠧᠢ ᠨᠠᠨ ᠪᠠᠯᠭᠠᠰᠤᠨ  ᠳᠤ ᠬᠦᠷᠴᠦ᠂ ᠵᠠᠮ ᠱᠤᠭᠤᠮ  ᠤᠨ ᠪᠦᠬᠦ ᠤᠷᠳᠤ ᠨᠢ 172 ᠺᠢᠯᠤᠮᠧᠲᠷ ᠪᠠᠶᠢᠵᠤ᠂ ᠮᠠᠨ ᠤ ᠬᠤᠰᠢᠭᠤᠨ ᠳᠤ ᠪᠠᠷᠤᠭ 60 ᠺᠢᠯᠤᠮᠧᠲᠷ ᠪᠠᠶᠢᠨ᠎ᠠ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号