2015 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
ᠨᠢᠬᠡ᠂ 2014 ᠤᠨ ᠤ ᠠᠵᠢᠯ ᠤᠨ ᠡᠷᠬᠢᠴᠡᠬᠦᠯᠦᠯᠦᠩᠬᠡᠷᠡᠭᠰᠡᠨ ᠨᠢᠬᠡ ᠵᠢᠯ ᠳᠤ᠂ ᠠᠵᠤ ᠠᠬᠤᠢ ᠳᠤᠤᠷ᠎ᠠ ᠳᠦᠪᠰᠢᠨ ᠢᠶᠠᠷ ᠡᠬᠢᠯᠡᠵᠤ᠂ ᠳᠤᠷᠤᠭᠰᠢᠯᠠᠬᠤ ᠳᠠᠷᠤᠭᠠᠰᠤ ᠬᠦᠨᠳᠦᠷᠡᠭᠰᠡᠨ ᠵᠡᠷᠬᠡ ᠬᠡᠴᠡᠬᠦᠦ ᠪᠤᠳᠤᠯᠢᠶᠠᠨᠳᠠᠢ ᠪᠠᠶᠢᠳᠠᠯ ᠳᠤᠤᠷ᠎ᠠ᠂ ᠬᠤᠰᠢᠭᠤᠨ ᠤ ᠵᠠᠰᠠᠭ ᠤᠨ ᠤᠷᠳᠤᠨ ᠨᠢ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠪᠦᠬᠦ ᠳᠠᠯ᠎ᠠ ᠶᠢ ᠶᠡᠷᠦᠩᠬᠡᠶᠢᠯᠡᠨ ᠵᠠᠬᠢᠷᠠᠭᠤᠯᠵᠤ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠳᠦᠮᠡᠨ ᠢ ᠪᠦᠯᠬᠦᠮᠳᠡᠬᠦᠯᠦᠨ ᠳᠠᠶᠢᠴᠢᠯᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠠ ᠦᠪᠦᠷ ᠮᠤᠩᠭᠤᠯ ᠢ ᠪᠠᠶᠢᠴᠠᠭᠠᠨ ᠦᠵᠡᠭᠰᠡᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠤᠱᠯᠠᠭᠤᠯᠵᠤ᠂ ᠳᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠳᠠᠯ᠎ᠠ ᠪᠠᠷ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠯᠠᠪᠳᠠᠭᠤᠨ ᠢᠶᠠᠷ ᠠᠷᠭᠠᠴᠠᠭᠠᠵᠤ᠂ ᠪᠤᠳᠠᠳᠠᠢ ᠬᠦᠭᠵᠢᠬᠦᠯᠦᠨ᠂ ᠢᠳᠡᠪᠬᠢᠳᠡᠢ ᠠᠵᠢᠯᠯᠠᠵᠤ᠂ ᠳᠤᠭᠳᠠᠭᠤᠨ ᠢᠶᠠᠷ ᠨᠡᠮᠡᠭᠳᠡᠬᠦᠯᠬᠦ᠂ ᠪᠦᠳᠦᠴᠡ ᠶᠢ ᠳᠤᠬᠢᠷᠠᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠳᠡᠬᠡᠷ᠎ᠡ ᠪᠦᠬᠦ ᠬᠦᠴᠦ ᠪᠠᠨ ᠵᠤᠷᠢᠭᠤᠯᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠳᠤᠭᠳᠠᠭᠤᠨ ᠢᠶᠠᠷ ᠤᠷᠤᠭᠰᠢᠯᠠᠵᠤ᠂ ᠡᠯ᠎ᠡ ᠳᠦᠷᠦᠯ ᠤᠨ ᠠᠵᠢᠯ ᠯᠠᠪᠳᠠᠭᠤᠨ ᠪᠠᠳᠤᠳᠠᠢ ᠦᠷ᠎ᠡ ᠪᠦᠳᠦᠮᠵᠢ ᠤᠯᠵᠤ᠂ ᠪᠦᠬᠦ ᠵᠢᠯ ᠤᠨ ᠬᠠᠷᠠᠯᠳᠠᠳᠤ ᠡᠬᠦᠷᠬᠡ ᠪᠠᠨ ᠨᠡᠯᠢᠶᠡᠳ ᠰᠠᠶᠢᠨ ᠪᠡᠶᠡᠯᠡᠬᠦᠯᠵᠡᠢ᠃ ᠪᠦᠬᠦ ᠬᠤᠰᠢᠭᠤᠨ  ᠤ ᠭᠠᠵᠠᠷ ᠤᠷᠤᠨ ᠤ ᠦᠢᠯᠡᠳᠪᠦᠷᠢᠯᠡᠯ  ᠤᠨ ᠶᠡᠷᠦᠩᠭᠡᠢ ᠦᠷᠳᠡᠭ 164.9 ᠳ᠋ᠦᠩᠰᠢᠭᠤᠷ ᠲᠦᠬᠦᠷᠢᠭ ᠲᠤ ᠬᠦᠷᠴᠦ᠂ 8.6% ᠪᠠᠷ ᠨᠡᠮᠡᠭᠳᠡᠪᠡ︔ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠤᠷᠤᠯᠭ᠎ᠠ ᠶᠢ 11.2 ᠳ᠋ᠦᠩᠰᠢᠭᠤᠷ ᠲᠦᠬᠦᠷᠢᠭ  ᠪᠡᠶᠡᠯᠡᠬᠦᠯᠵᠦ᠂ 9.4% ᠪᠠᠷ ᠬᠠᠰᠤᠭᠳᠠᠪᠠ︔ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ ᠶᠢ 29724 ᠳᠦᠬᠦᠷᠢᠭ ᠪᠡᠶᠡᠯᠡᠬᠦᠯᠵᠤ᠂ 9.2% ᠪᠠᠷ ᠨᠡᠮᠡᠭᠳᠡᠪᠡ︔ ᠮᠠᠯᠵᠢᠬᠤ ᠳᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ  ᠳᠤ ᠲᠡᠭᠰᠢᠳᠭᠡᠭᠰᠡᠨ ᠡᠵᠡᠮᠳᠡᠵᠤ ᠪᠤᠯᠬᠤ ᠤᠷᠤᠯᠭ᠎ᠠ ᠶᠢ 13702 ᠲᠦᠬᠦᠷᠢᠭ ᠪᠡᠶᠡᠯᠡᠬᠦᠯᠵᠤ᠂ 12.5% ᠪᠠᠷ ᠨᠡᠮᠡᠭᠳᠡᠪᠡ᠃ ᠨᠢᠬᠡ ᠵᠢᠯ ᠤᠨ ᠳᠣᠷᠰᠢ᠂ ᠪᠢᠳᠡᠨ ᠳᠤᠤᠷᠠᠬᠢ ᠨᠠᠢᠮᠠᠨ ᠳᠠᠯ᠎ᠠ ᠶᠢᠨ ᠠᠵᠢᠯ ᠢ ᠭᠤᠤᠯᠳᠠᠯᠭ᠎ᠠ ᠲᠠᠢ ᠠᠳᠬᠤᠪᠠ᠄ ︵ᠨᠢᠬᠡ︶ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠦᠴᠦᠳᠡᠢ ᠠᠳᠬᠤᠵᠤ᠂ ᠪᠡᠯᠡ ᠤᠷᠤᠭᠤᠯᠤᠯᠳᠠ ᠪᠠᠷ ᠳᠠᠶᠢᠴᠢᠯᠠᠬᠤ ᠦᠢᠯᠡᠳᠦᠯ ᠢᠯᠡᠷᠬᠡᠢ ᠪᠤᠯᠪᠠ᠃ ᠤᠳᠤᠷᠢᠳᠬᠤ ᠺᠠᠳ᠋ᠷᠴᠤᠳ ᠭᠤᠤᠯᠳᠠᠯᠭ᠎ᠠ ᠲᠠᠢ ᠳᠦᠷᠦᠯ ᠵᠦᠢᠯ ᠲᠠᠢ ᠬᠠᠷᠢᠯᠴᠠᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠳᠦᠷᠦᠯ ᠵᠦᠢᠯ ᠤᠨ ᠠᠵᠢᠯ ᠢᠶᠠᠨ ᠡᠬᠢᠯᠡᠬᠦᠯᠬᠦ᠂ ᠵᠤᠬᠢᠶᠠᠨ ᠪᠠᠶᠢᠭᠤᠯᠵᠤ ᠳᠤᠬᠢᠷᠠᠭᠤᠯᠬᠤ᠂ ᠪᠡᠯᠡ ᠮᠦᠩᠬᠦ ᠪᠡᠯᠡᠳᠬᠦ ᠵᠡᠷᠬᠡ ᠠᠵᠢᠯ ᠢ ᠬᠦᠴᠦᠯᠡᠨ ᠰᠠᠶᠢᠳᠤᠷ ᠠᠳᠬᠤᠵᠤ᠂ 213 ᠪᠦᠳᠦᠬᠡᠨ ᠪᠠᠶᠢᠭᠤᠯᠤᠯᠳᠠ ᠶᠢᠨ ᠳᠦᠷᠦᠯ ᠵᠦᠢᠯ ᠢ ᠬᠡᠷᠡᠭᠵᠢᠬᠦᠯᠵᠤ᠂ ᠪᠦᠬᠦ ᠨᠡᠶᠢᠬᠡᠮ ᠤᠨ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ 167.1 ᠳ᠋ᠦᠩᠰᠢᠭᠤᠷ ᠳᠦᠬᠦᠷᠢᠭ ᠪᠡᠶᠡᠯᠡᠬᠦᠯᠵᠤ᠂ 25.4% ᠪᠠᠷ ᠨᠡᠮᠡᠭᠳᠡᠪᠡ︔ 68 ᠭᠤᠤᠯᠳᠠᠯᠭ᠎ᠠ ᠲᠠᠢ ᠳᠦᠷᠦᠯ ᠵᠦᠢᠯ ᠢ ᠡᠬᠢᠯᠡᠵᠤ ᠪᠦᠳᠦᠬᠡᠨ ᠪᠠᠶᠢᠭᠤᠯᠵᠤ᠂ 128 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠡᠢ᠃ ᠭᠤᠤᠯᠳᠠᠯᠭ᠎ᠠ ᠲᠠᠢ ᠠᠵᠤ ᠠᠬᠤᠶᠢᠯᠠᠯ ᠳᠤ ᠳᠦᠷᠦ ᠶᠢᠨ ᠪᠤᠳᠤᠯᠭ᠎ᠠ ᠶᠢᠨ ᠯᠠᠪᠯᠠᠯᠳᠠ᠂ ᠡᠯᠧᠮᠧᠨ᠋ᠲ ᠶᠢᠨ ᠪᠠᠳᠤᠯᠠᠭ᠎ᠠ ᠵᠡᠷᠬᠡ ᠪᠦᠬᠦ ᠳᠠᠯ᠎ᠠ ᠶᠢᠨ ᠦᠢᠯᠡᠴᠢᠯᠡᠭᠡ ᠶᠢ ᠢᠳᠡᠪᠬᠢᠳᠡᠢ ᠬᠠᠩᠭᠠᠵᠤ᠂ ᠠᠵᠤ ᠠᠬᠤᠶᠢᠯᠠᠯ ᠤᠨ ᠡᠷᠬᠢᠯᠳᠡ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤᠮᠳᠠᠬᠢ ᠬᠦᠴᠢᠷᠳᠡᠯ ᠪᠠ ᠠᠰᠠᠭᠤᠳᠠᠯ ᠢ ᠴᠠᠭ ᠳᠤᠬᠠᠢ ᠳᠤᠨᠢ ᠰᠢᠢᠳᠪᠦᠷᠢᠯᠡᠪᠡ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠭᠠᠶᠢᠯᠢ ᠰᠦᠢᠳᠬᠡᠯ ᠢ ᠬᠠᠰᠤᠵᠤ ᠬᠡᠯᠳᠦᠷᠢᠬᠦᠯᠬᠦ ᠪᠠ ᠳᠡᠮᠵᠢᠬᠦ ᠳᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ 3.2 ᠳ᠋ᠦᠩᠰᠢᠭᠤᠷ ᠳᠦᠬᠦᠷᠢᠭ ᠬᠦᠩᠬᠡᠯᠡᠵᠡᠢ᠃ ᠰᠠᠭᠤᠷᠢ ᠪᠠᠨ ᠪᠠᠳᠤᠳᠬᠠᠨ᠂ ᠠᠯᠤᠰ ᠤᠨ ᠬᠦᠭᠵᠢᠯᠳᠡ ᠳᠤ ᠠᠰᠢᠭᠳᠠᠢ ᠪᠠᠶᠢᠯᠭᠠᠬᠤ ᠳᠤ ᠬᠠᠨᠳᠤᠭᠤᠯᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠬᠦᠯᠦᠨ᠂ ᠭᠡᠷ᠎ᠡ ᠳᠤᠭᠳᠠᠭᠰᠠᠨ ᠳᠦᠷᠦᠯ ᠵᠦᠢᠯ 24 ᠪᠠᠶᠢᠵᠤ᠂ ᠪᠤᠳᠠᠳᠠᠢ ᠳᠤ 17.1 ᠳ᠋ᠦᠩᠰᠢᠭᠤᠷ ᠳᠦᠬᠦᠷᠢᠭ ᠤᠨ ᠪᠡᠯᠡ ᠮᠦᠩᠬᠦ ᠶᠢ ᠨᠠᠶᠢᠳᠠᠪᠤᠷᠢᠵᠢᠭᠤᠯᠪᠠ᠃ ︵ᠬᠤᠶᠠᠷ︶ ᠤᠨᠴᠠᠯᠢᠭᠳᠤ ᠠᠵᠤ ᠦᠢᠯᠡᠰ ᠢ ᠳᠤᠪᠤᠶᠢᠯᠭᠠᠨ ᠰᠠᠶᠢᠳᠤᠷ ᠠᠳᠬᠤᠵᠤ᠂ ᠳᠠᠷᠢᠶᠠᠯᠠᠩ ᠮᠠᠯ ᠠᠵᠤ ᠠᠬᠤᠢ ᠳᠤᠭᠳᠠᠭᠤᠨ ᠢᠶᠠᠷ ᠬᠦᠭᠵᠢᠬᠦ ᠶᠢ ᠪᠡᠶᠡᠯᠡᠬᠦᠯᠪᠡ᠃ ︽ᠭᠤᠷᠪᠠ ᠭᠤᠷᠪᠠ ᠶᠢᠨ ᠳᠦᠷᠢᠮ︾ ᠤᠨ ᠳᠠᠷᠢᠬᠤ ᠬᠡᠯᠪᠡᠷᠢ ᠶᠢᠨ ᠳᠤᠷᠰᠢᠯᠳᠠ ᠶᠢᠨ ᠴᠡᠭ ᠪᠠ ᠪᠤᠷᠤ ᠴᠢᠨ᠋ᠸ᠎ᠠ ᠶᠢᠨ ᠬᠠᠷᠮᠠᠭ᠂ ᠬᠤᠨᠴᠢᠷ ᠵᠡᠷᠬᠡ ᠤᠰᠤᠨ ᠳᠤ ᠠᠷᠪᠢᠳᠠᠢ ᠤᠷᠭᠤᠮᠠᠯ ᠢ ᠳᠤᠷᠰᠢᠨ ᠳᠠᠷᠢᠬᠤ ᠠᠵᠢᠯ ᠢ ᠢᠳᠡᠪᠬᠢᠳᠡᠢ ᠦᠷᠨᠢᠬᠦᠯᠵᠤ᠂ ᠳᠠᠷᠢᠶᠠᠯᠠᠩ ᠤᠨ ᠳᠠᠷᠢᠮᠠᠯ ᠤᠨ ᠶᠡᠷᠦᠩᠬᠡᠢ ᠳᠠᠯᠠᠪᠠᠢ ᠶᠢ 27 ᠳᠦᠮᠡᠨ ᠮᠤ᠋ ᠳᠤ ᠬᠢᠵᠠᠭᠠᠷᠯᠠᠪᠠ᠃ ᠳᠠᠷᠢᠶᠠᠨ ᠭᠠᠵᠠᠷ ᠢ 5818 ᠮᠤ᠋ ᠪᠠᠭᠠᠰᠬᠠᠨ᠂ 4500 ᠮᠤ᠋ ᠪᠦᠷᠬᠦᠪᠴᠢ ᠶᠢᠨ ᠳᠤᠤᠷ᠎ᠠ ᠳᠤᠰᠤᠭᠠᠨ ᠤᠰᠤᠯᠠᠬᠤ ᠪᠠ 3 ᠳᠦᠮᠡᠨ ᠮᠤ᠋ ᠭᠠᠵᠠᠷ ᠰᠢᠷᠤᠢ ᠶᠢᠨ ᠡᠮᠬᠢᠯᠡᠯᠳᠡ ᠶᠢ ᠪᠡᠶᠡᠯᠡᠬᠦᠯᠵᠤ᠂ ᠦᠨᠳᠦᠷ  ᠪᠠᠷᠢᠮᠵᠢᠶᠠᠳᠤ ᠦᠨᠳᠦᠰᠦᠨ ᠳᠠᠷᠢᠶᠠᠨ ᠭᠠᠵᠠᠷ ᠢ 6.1 ᠳᠦᠮᠡᠨ ᠮᠤ᠋ ᠪᠠᠶᠢᠭᠤᠯᠪᠠ᠃ ᠤᠯᠠᠨ ᠠᠷᠭ᠎ᠠ ᠠᠪᠴᠠᠯ ᠢᠶᠠᠷ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠳᠤᠤᠷᠠᠬᠢ ᠤᠰᠤ ᠶᠢ ᠠᠰᠢᠭᠯᠠᠵᠤ ᠨᠦᠬᠦᠪᠦᠷᠢᠯᠡᠬᠦ ᠶᠢ ᠳᠡᠩᠴᠡᠬᠦᠷᠢᠳᠡᠢ ᠪᠠᠶᠢᠯᠭᠠᠬᠤ ᠠᠵᠢᠯ ᠢ ᠳᠦᠯᠬᠢᠨ ᠠᠬᠢᠭᠤᠯᠵᠤ᠂ 854 ᠳᠦᠮᠡᠨ ᠪᠤᠰᠤᠭ᠎ᠠ ᠳᠦᠷᠪᠡᠯᠵᠢᠨ ᠮᠧᠲᠷ ᠤᠰᠤ ᠠᠷᠪᠢᠯᠠᠪᠠ᠃ ᠳᠤᠮᠳᠠᠳᠤ ᠤᠯᠤᠰ ᠤᠨ ᠰᠢᠨᠵᠢᠯᠡᠭᠡ ᠮᠡᠷᠬᠡᠵᠢᠯ ᠤᠨ ᠬᠦᠷᠢᠶᠡᠯᠡᠩ ᠵᠡᠷᠬᠡ ᠰᠤᠳᠤᠯᠭᠠᠨ ᠤ ᠬᠦᠷᠢᠶᠡᠯᠡᠩ ᠭᠠᠵᠠᠷ ᠯᠤᠭ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠵᠤ᠂ ᠴᠠᠭᠠᠨ ᠭᠤᠶᠤᠤ ᠶᠢᠨ ᠠᠵᠤ ᠦᠢᠯᠡᠰᠵᠢᠯᠳᠡ ᠶᠢᠨ ᠵᠠᠩᠬᠢᠯᠠᠭ᠎ᠠ ᠶᠢᠨ ᠮᠡᠷᠬᠡᠵᠢᠯ ᠵᠢᠴᠢ ᠰᠠᠭᠤᠷᠢ ᠤᠨᠤᠯ ᠤᠨ ᠰᠤᠳᠤᠯᠭᠠᠨ ᠤ ᠠᠰᠢᠭᠯᠠᠯᠳᠠ ᠵᠡᠷᠬᠡ 9 ᠰᠤᠳᠤᠯᠤᠨ ᠦᠢᠯᠡᠳᠬᠦ ᠳᠦᠷᠦᠯ ᠵᠦᠢᠯ ᠴᠢᠬᠤᠯᠠ ᠠᠬᠢᠴᠠ ᠲᠠᠢ  ᠪᠤᠯᠵᠤ᠂ ᠸᠠᠨ ᠮᠢᠩ ᠤᠯᠠᠭᠠᠨ ᠭᠤᠶᠤᠤ ᠶᠢᠨ ᠦᠨᠳᠦᠷ ᠦᠷᠳᠡᠭᠵᠢᠭᠰᠡᠨ ᠦᠢᠯᠡᠳᠬᠦᠨ ᠢ ᠰᠤᠳᠤᠯᠤᠨ ᠦᠢᠯᠡᠳᠬᠦ ᠳᠦᠷᠦᠯ ᠵᠦᠢᠯ ᠨᠢ ᠤᠯᠤᠰ ᠤᠨ 863 ᠳᠦᠯᠦᠪᠯᠡᠬᠡᠨ ᠳᠤ ᠤᠷᠤᠭᠰᠠᠨ ᠪᠠᠶᠢᠨ᠎ᠠ᠃ 1700 ᠮᠤ᠋ ᠬᠦᠮᠡᠯᠢ ᠳᠠᠷᠢᠵᠤ᠂ 6.1 ᠳᠦᠮᠡᠨ ᠮᠤ᠋ ᠴᠠᠭᠠᠨ ᠭᠤᠶᠤᠤ  ᠪᠠ 6.3 ᠳᠦᠮᠡᠨ ᠮᠤ᠋ ᠤᠯᠠᠭᠠᠨ ᠭᠤᠶᠤᠤ ᠶᠢ ᠵᠠᠯᠭᠠᠨ ᠤᠷᠭᠤᠭᠤᠯᠵᠡᠢ᠃ ᠠᠯᠠᠱᠠ ᠶᠢᠨ ᠡᠯᠡᠰᠦᠨ ᠤ ᠤᠷᠭᠤᠮᠠᠯ ᠤᠨ ᠵᠢᠱᠢᠶ᠎ᠡ ᠦᠵᠡᠬᠦᠯᠬᠦ ᠳᠠᠷᠢᠮᠠᠯ ᠤᠨ ᠬᠦᠷᠢᠶᠡᠯᠡᠩ ᠤᠨ ᠤᠰᠤ ᠴᠠᠬᠢᠯᠭᠠᠨ ᠬᠠᠩᠭᠠᠬᠤ ᠪᠠ ᠵᠠᠮ ᠨᠡᠪᠳᠡᠷᠡᠯᠬᠡ ᠵᠡᠷᠬᠡ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠳᠠᠭᠤᠰᠬᠠᠪᠠ᠃ ᠬᠦᠮᠡᠯᠢ ᠳᠠᠪᠤᠰᠤᠯᠠᠵᠤ ᠦᠢᠯᠡᠳᠬᠦ᠂ ᠰᠢᠨ᠎ᠡ ᠰᠤᠷᠭᠤᠭ ᠢᠶᠠᠷ ᠬᠠᠳᠠᠭᠠᠯᠠᠬᠤ ᠮᠡᠷᠬᠡᠵᠢᠯ ᠬᠡᠷᠡᠭᠯᠡᠭᠳᠡᠨ ᠳᠦᠬᠡᠮᠡᠯᠵᠢᠵᠤ᠂ ᠬᠦᠮᠡᠯᠢ ᠶᠢᠨ ᠪᠡᠩᠰᠢ ᠶᠢᠨ ᠦᠢᠯᠡᠳᠪᠦᠷᠢ ᠶᠢ ᠪᠠᠶᠢᠭᠤᠯᠵᠤ ᠠᠰᠢᠭᠯᠠᠯᠳᠠ ᠳᠤ ᠤᠷᠤᠭᠤᠯᠪᠠ᠃ ᠨᠤᠳᠤᠭ ᠪᠡᠯᠴᠢᠬᠡᠷ ᠤᠨ ᠬᠠᠮᠢᠶᠠᠷᠤᠯᠳᠠ ᠬᠠᠮᠠᠭᠠᠯᠠᠯᠳᠠ ᠪᠠ ᠶᠡᠷᠦᠩᠬᠡᠢ ᠠᠰᠢᠭᠯᠠᠯᠳᠠ ᠶᠢ ᠴᠢᠩᠭᠠᠳᠬᠠᠵᠤ᠂ ︽ᠮᠠᠯᠵᠢᠬᠤ ᠤᠷᠤᠨ ᠳᠤ ᠳᠦᠯᠯᠡᠬᠦᠯᠦᠨ ᠳᠠᠷᠢᠶᠠᠯᠠᠬᠤ ᠤᠷᠤᠨ ᠳᠤ ᠪᠤᠷᠳᠤᠨ ᠳᠠᠷᠭᠤᠯᠠᠭᠤᠯᠬᠤ︾ ᠳᠡᠵᠢᠬᠡᠨ ᠦᠷᠡᠵᠢᠬᠦᠯᠬᠦ ᠵᠠᠭᠪᠤᠷ ᠢ ᠰᠦᠪᠡᠭᠴᠢᠯᠡᠵᠤ᠂ 6 ᠳ᠋ᠤᠭᠠᠷ ᠰᠠᠷ᠎ᠠ ᠶᠢᠨ ᠡᠴᠦᠰ ᠳᠠᠬᠢ ᠮᠠᠯ ᠤᠨ ᠨᠡᠶᠢᠳᠡ ᠳᠤᠭ᠎ᠠ ᠳᠤᠯᠤᠭᠠᠢ 120 ᠳᠦᠮᠡᠨ ᠳᠤᠯᠤᠭᠠᠢ ᠪᠠᠶᠢᠵᠤ᠂ ᠳᠡᠵᠢᠬᠡᠨ ᠦᠷᠡᠵᠢᠬᠦᠯᠬᠦ ᠬᠡᠪᠴᠢᠶ᠎ᠡ ᠨᠢ 68 ᠳᠦᠮᠡᠨ ᠳᠤᠯᠤᠭᠠᠢ ᠳᠤ ᠬᠦᠷᠴᠡᠢ᠃ ᠠᠯᠠᠱᠠ ᠶᠢᠨ ᠠᠯᠠᠰᠢᠨ ᠬᠤᠨᠢᠨ ᠤ ᠰᠢᠨ᠎ᠡ ᠡᠬᠦᠯᠳᠡᠷ ᠢ ᠢᠳᠡᠪᠬᠢᠳᠡᠢ ᠪᠤᠶᠢᠵᠢᠭᠤᠯᠵᠤ᠂  ᠨᠤᠯᠤᠤᠷ ᠤᠨ ᠴᠠᠭᠠᠨ ᠢᠮᠠᠭᠠᠨ ᠤ ᠴᠢᠨᠠᠷ ᠢ ᠰᠠᠶᠢᠵᠢᠷᠠᠭᠤᠯᠬᠤ ᠢᠨᠵᠧᠨᠧᠷᠢᠩ ᠢ ᠯᠠᠪᠳᠠᠭᠤᠨ ᠠᠬᠢᠭᠤᠯᠵᠤ᠂ 1000 ᠳᠡᠮᠡᠬᠡᠨ ᠤ ᠤᠯᠤᠰ ᠤᠨ ᠤᠷᠭᠠᠨᠢᠭ ᠦᠢᠯᠡᠳᠬᠦᠨ ᠪᠤᠯᠭᠠᠬᠤ ᠬᠡᠷᠡᠴᠢᠯᠡᠯᠳᠡ ᠶᠢ ᠤᠯᠵᠡᠢ᠃ ᠪᠦᠳᠦᠮᠵᠢᠳᠡᠢ ᠠᠷᠭ᠎ᠠ ᠬᠡᠮᠵᠢᠶ᠎ᠡ ᠠᠪᠴᠤ᠂ ᠬᠦᠨᠳᠤ ᠶᠡᠭᠡ ᠠᠮᠢᠳᠠᠨ ᠤ ᠬᠢᠵᠢᠭ ᠤᠨ ᠬᠠᠯᠳᠠᠪᠤᠷᠢᠯᠠᠵᠤ ᠳᠠᠮᠵᠢᠭᠳᠠᠬᠤ ᠶᠢ ᠴᠢᠩᠭ᠎ᠠ ᠰᠡᠷᠬᠡᠶᠢᠯᠡᠪᠡ᠃ ᠠᠮᠢ ᠠᠬᠤᠶᠢᠵᠢᠭᠰᠡᠨ ᠬᠡᠷ ᠪᠦᠯᠢ ᠶᠢᠨ ᠮᠠᠯᠵᠢᠯ ᠳᠠᠷᠢᠶᠠᠯᠠᠩ ᠤᠨ ᠳᠠᠯᠠᠪᠠᠢ ᠶᠢ ᠬᠦᠭᠵᠢᠬᠦᠯᠬᠦ ᠶᠢ ᠳᠡᠮᠵᠢᠵᠤ᠂ ᠪᠠᠷᠢᠮᠵᠢᠶᠠᠵᠢᠭᠰᠠᠨ ᠬᠠᠰᠢᠶ᠎ᠠ ᠰᠠᠷᠠᠪᠴᠢ ᠶᠢ 189 ᠰᠠᠤᠷᠢ ᠪᠦᠳᠦᠬᠡᠨ ᠪᠠᠶᠢᠭᠤᠯᠵᠤ᠂ 500 ᠮᠤ᠋ ᠪᠡᠯᠴᠢᠬᠡᠷ ᠲᠤ ᠰᠠᠶᠢᠨ ᠦᠷ᠎ᠡ ᠶᠢᠨ ᠳᠡᠵᠢᠬᠡᠯ ᠡᠪᠡᠰᠦ ᠳᠠᠷᠢᠪᠠ᠃ ᠭᠠᠵᠠᠷ ᠰᠢᠷᠤᠢ ᠪᠠᠶᠢᠷᠢ ᠪᠡᠯᠴᠢᠬᠡᠷ ᠤᠨ ᠵᠤᠬᠢᠬᠤ ᠬᠡᠪᠴᠢᠶᠡᠵᠢᠯᠳᠤ ᠡᠵᠡᠩᠨᠡᠯᠳᠡ ᠶᠢ ᠡᠮᠬᠢ ᠴᠡᠭᠴᠡ  ᠲᠠᠢ ᠠᠬᠢᠭᠤᠯᠵᠤ᠂ 5.1 ᠳᠦᠮᠡᠨ ᠮᠤ᠋ ᠳᠠᠷᠢᠶᠠᠨ ᠭᠠᠵᠠᠷ᠂ 102 ᠳᠦᠮᠡᠨ ᠮᠤ᠋ ᠪᠠᠶᠢᠷᠢ ᠪᠡᠯᠴᠢᠬᠡᠷ ᠢ ᠡᠷᠬᠢᠯᠳᠦᠬᠦᠯᠦᠨ ᠡᠵᠡᠩᠨᠡᠬᠦᠯᠪᠡ᠃ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ᠂ ᠨᠡᠶᠢᠳᠡ ᠶᠢᠨ ᠠᠰᠢᠭᠳᠤ ᠤᠢ ᠶᠢᠨ ᠨᠦᠬᠦᠪᠦᠷᠢ ᠵᠡᠷᠬᠡ ᠡᠯ᠎ᠡ ᠳᠦᠷᠦᠯ ᠤᠨ ᠮᠠᠯᠴᠢᠨ ᠳᠠᠷᠢᠶᠠᠴᠢᠨ ᠢ ᠬᠠᠷᠠᠭᠠᠯᠵᠠᠬᠤ ᠳᠦᠷᠦ ᠶᠢᠨ ᠪᠤᠳᠤᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ 4.8 ᠳᠦᠮᠡᠨ ᠮᠠᠯᠴᠢᠨ ᠳᠠᠷᠢᠶᠠᠴᠢᠨ ᠠᠰᠢᠭ ᠬᠦᠷᠳᠡᠪᠡ᠃ ︵ᠭᠤᠷᠪᠠ︶ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠬᠦᠴᠦ ᠳᠠᠯᠪᠢᠨ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠳᠤᠭᠳᠠᠭᠤᠨ ᠤ ᠳᠤᠮᠳᠠ ᠠᠬᠢᠴᠠ ᠲᠠᠢ᠃ ᠠᠵᠤ ᠦᠢᠯᠡᠳᠪᠦᠷᠢ ᠶᠢᠨ ᠠᠵᠤ ᠠᠬᠤᠢ ᠶᠢᠨ ᠡᠷᠬᠢᠯᠳᠡ ᠶᠢᠨ ᠬᠢᠨᠠᠨ ᠡᠵᠡᠮᠰᠢᠯᠳᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠬᠦᠬᠡᠵᠤ ᠦᠢᠯᠡᠳᠪᠦᠷᠢᠯᠡᠯ ᠤᠨ ᠬᠡᠮᠵᠢᠶᠡᠨ ᠳᠤ ᠬᠦᠷᠬᠦ ᠶᠢ ᠢᠳᠡᠪᠬᠢᠳᠡᠢ ᠠᠬᠢᠭᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 115.1 ᠳ᠋ᠦᠩᠰᠢᠭᠤᠷ ᠳᠦᠬᠦᠷᠢᠭ ᠪᠡᠶᠡᠯᠡᠬᠦᠯᠵᠤ᠂ 10% ᠪᠠᠷ ᠨᠡᠮᠡᠭᠳᠡᠪᠡ᠃ ᠵᠤᠬᠢᠴᠠᠭᠤᠯᠵᠤ ᠦᠢᠯᠡᠴᠢᠯᠡᠬᠦ ᠠᠵᠢᠯ ᠢ ᠦᠨᠡᠨᠬᠦ ᠰᠠᠶᠢᠳᠤᠷ ᠬᠢᠵᠤ᠂ 12 ᠠᠵᠤ ᠦᠢᠯᠡᠳᠪᠦᠷᠢ ᠶᠢᠨ ᠭᠤᠤᠯᠳᠠᠯᠭ᠎ᠠ  ᠲᠠᠢ ᠳᠦᠷᠦᠯ ᠵᠦᠢᠯ ᠠᠵᠢᠯ ᠢᠶᠠᠨ ᠰᠡᠷᠬᠦᠬᠡᠭᠰᠡᠨ ᠪᠤᠶᠤ ᠡᠬᠢᠯᠡᠬᠦᠯᠪᠡ᠃ ᠪᠠᠶᠠᠨᠬᠤᠳᠠ ᠶᠢᠨ 2×330 ᠰᠠᠶ᠎ᠠ ᠸᠠᠲ ᠤᠨ ᠢᠯᠴᠢ ᠴᠠᠬᠢᠯᠭᠠᠨ ᠦᠢᠯᠡᠳᠪᠦᠷᠢᠯᠡᠬᠦ ᠳᠦᠷᠦᠯ ᠵᠦᠢᠯ 15 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠤ᠂ ᠰᠢᠷᠤᠢ ᠶᠢᠨ ᠪᠠᠷᠢᠯᠭ᠎ᠠ ᠶᠢᠨ ᠭᠤᠤᠯ ᠴᠤᠭᠴᠠ ᠶᠢᠨ ᠢᠨᠵᠧᠨᠧᠷᠢᠩ ᠤᠨ ᠠᠵᠢᠯ ᠳᠠᠭᠤᠰᠪᠠ᠃  ᠬᠡᠶᠢᠳᠤ ᠤᠩᠭᠤᠴᠠᠨ ᠤ ᠰᠠᠭᠤᠷᠢᠨ ᠭᠠᠵᠠᠷ 4.6 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠤ᠂ 3 ᠬᠡᠶᠢᠳᠤ ᠤᠩᠭᠤᠴᠠ ᠶᠢ ᠤᠭᠰᠠᠷᠠᠵᠤ᠂ 23 ᠮᠧᠲᠷ ᠪᠠ 38 ᠮᠧᠲᠷ ᠤᠨ 2 ᠬᠡᠶᠢᠳᠤ ᠤᠩᠭᠤᠴᠠ ᠶᠢ ᠬᠡᠷᠡᠭᠯᠡᠬᠡᠨ ᠳᠤ ᠤᠷᠤᠭᠤᠯᠵᠤ᠂ 100 ᠮᠧᠲᠷ ᠤᠨ ᠬᠡᠶᠢᠳᠤ ᠤᠩᠭᠤᠴᠠ ᠨᠢ ᠠᠩᠬ᠎ᠠ ᠰᠤᠷᠢᠯᠳᠠ ᠶᠢ ᠦᠩᠬᠡᠷᠡᠬᠡᠪᠡ᠃ ᠱᠢ ᠱᠧᠨ ᠶᠢᠨ ᠤ ᠪᠤᠷᠵᠢᠨ ᠴᠢᠯᠠᠭᠤᠯᠢᠭ ᠤᠨ ᠬᠠᠪᠳᠠᠰᠤᠨ ᠮᠠᠲ᠋ᠧᠷᠢᠶᠠᠯ᠂ ᠶᠤᠸᠠᠨ ᠳᠦᠩ ᠤᠨ ︽ᠠᠯᠠᠱᠠ ᠬᠠᠰ︾ ᠵᠡᠷᠬᠡ ᠳᠦᠷᠦᠯ ᠵᠦᠢᠯ ᠤᠨ ᠠᠬᠢᠴᠠ ᠤᠷᠤᠭᠰᠢᠳᠠᠢ ᠪᠠᠶᠢᠨ᠎ᠠ᠃ ᠤᠯᠤᠰ ᠤᠨ ᠴᠠᠬᠢᠯᠭᠠᠨ ᠬᠦᠴᠦᠨ ᠤ 40 ᠰᠠᠶ᠎ᠠ ᠸᠠᠲ᠂ ᠹᠧᠩ ᠸᠧᠢ ᠶᠢᠨ 100 ᠰᠠᠶ᠎ᠠ ᠸᠠᠲ᠂ ᠤᠯᠤᠰ ᠤᠨ ᠴᠠᠬᠢᠯᠭᠠᠨ ᠤ ᠦᠪᠦᠷ ᠮᠤᠩᠭᠤᠯ ᠤᠨ 20 ᠰᠠᠶ᠎ᠠ ᠸᠠᠲ᠂ ᠱᠧᠩ ᠾᠦᠢ ᠶᠢᠨ 50 ᠰᠠᠶ᠎ᠠ ᠸᠠᠲ ᠤᠨ 4 ᠨᠠᠷᠠᠨ ᠤ ᠡᠨᠧᠷᠬᠢ ᠤᠨ ᠴᠠᠬᠢᠯᠭᠠᠨ ᠤ ᠳᠦᠷᠦᠯ ᠵᠦᠢᠯ ᠢ ᠲᠤᠤᠷ ᠲᠤ ᠨᠡᠶᠢᠯᠡᠬᠦᠯᠦᠨ ᠴᠠᠬᠢᠯᠭᠠᠨ ᠭᠠᠷᠭᠠᠬᠤ ᠶᠢ ᠪᠡᠶᠡᠯᠡᠬᠦᠯᠵᠥ᠂ ᠪᠦᠬᠦ ᠬᠤᠰᠢᠭᠤᠨ ᠤ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠪᠠᠷ ᠤᠭᠰᠠᠷᠠᠭᠰᠠᠨ ᠲᠤᠨᠤᠭ ᠤᠨ ᠪᠠᠭᠳᠠᠭᠠᠮᠵᠢ 375 ᠰᠠᠶ᠎ᠠ ᠸᠠᠲ ᠳᠤ ᠬᠦᠷᠪᠡ᠃ ᠳᠤᠨᠤᠭᠯᠠᠯ ᠦᠢᠯᠡᠳᠬᠦ᠂ ᠴᠡᠪᠡᠷ ᠡᠨᠧᠷᠬᠢ ᠵᠡᠷᠬᠡ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠦᠭᠵᠢᠯᠳᠡ ᠶᠢᠨ ᠬᠠᠨᠳᠤᠰᠢ ᠰᠠᠶᠢᠨ ᠪᠠᠶᠢᠵᠤ᠂ ᠳᠤᠰ ᠵᠢᠯ ᠳᠡᠭᠡᠨ 26.4 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠤ᠂ ᠠᠵᠤ ᠦᠢᠯᠡᠳᠪᠦᠷᠢ ᠶᠢᠨ ᠳᠦᠷᠦᠯ ᠵᠦᠢᠯ ᠤᠨ ᠶᠡᠷᠦᠩᠬᠡᠢ ᠪᠡᠯᠡ ᠤᠷᠤᠭᠤᠯᠤᠯᠳᠠ ᠶᠢᠨ 26% ᠶᠢ ᠡᠵᠡᠯᠡᠪᠡ᠃ 4.4 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠥ᠂ ᠲᠡᠭᠷᠢ ᠶᠢᠨ ᠠᠵᠥ ᠠᠬᠤᠢ ᠶᠢᠨ ᠮᠡᠷᠭᠡᠵᠢᠯ ᠤᠨ ᠨᠡᠭᠡᠭᠡᠯᠳᠡ ᠶᠢᠨ ᠤᠷᠤᠨ ᠤ  ᠬᠠᠳᠠᠭᠤ ᠪᠡᠶᠡᠳᠦ ᠬᠠᠶᠠᠭᠳᠠᠮᠠᠯ ᠪᠤᠳᠠᠰ ᠰᠢᠢᠳᠪᠦᠷᠢᠯᠡᠬᠦ᠂ ᠲᠡᠪᠭᠡ ᠶᠢᠨ ᠤᠰᠤᠨ ᠴᠦᠭᠦᠷᠦᠮ᠂ ᠬᠤᠳᠠ ᠶᠢᠨ ᠵᠠᠮ ᠵᠡᠷᠬᠡ ᠰᠠᠭᠤᠷᠢ ᠳᠦᠬᠦᠬᠡᠷᠦᠮᠵᠢ ᠶᠢᠨ ᠢᠨᠵᠧᠨᠧᠷᠢᠩ ᠢ ᠬᠡᠷᠡᠭᠵᠢᠬᠦᠯᠪᠡ᠃ 2.6 ᠳ᠋ᠦᠩᠰᠢᠭᠤᠷ ᠳᠦᠬᠦᠷᠢᠭ ᠪᠡᠯᠡ ᠤᠷᠤᠭᠤᠯᠵᠤ᠂ ᠤᠯᠠᠨᠪᠤᠯᠠᠭ ᠤᠨ ᠠᠵᠤ ᠦᠢᠯᠡᠰ ᠤᠨ ᠳᠤᠭᠤᠷᠢᠭ ᠤᠨ ᠬᠤᠳᠠ ᠶᠢᠨ ᠵᠠᠮ᠂ ᠤᠰᠤᠨ ᠤ ᠡᠬᠢ ᠰᠤᠷᠪᠤᠯᠵᠢ ᠶᠢ ᠶᠡᠷᠦᠩᠬᠡᠶᠢᠯᠡᠨ ᠠᠰᠢᠭᠯᠠᠬᠤ ᠪᠠ ᠬᠠᠯᠬᠠᠪᠴᠢ ᠤᠢ ᠵᠡᠷᠬᠡ ᠢᠨᠵᠧᠨᠧᠷᠢᠩ ᠢ ᠭᠡᠷᠡᠭᠵᠢᠬᠦᠯᠪᠡ︔ 6300 ᠲᠦᠮᠡᠨ ᠲᠦᠭᠦᠷᠢᠭ ᠤᠨ ᠪᠡᠯᠡ ᠤᠷᠤᠭᠤᠯᠵᠥ᠂ ᠪᠠᠶᠠᠨᠨᠢᠷᠤᠭᠤᠨ ᠤ ᠪᠤᠷᠵᠢᠨ ᠴᠢᠯᠠᠭᠤᠯᠢᠭ ᠤᠨ ᠠᠭᠤᠷᠬᠠᠢ ᠶᠢᠨ ᠤᠷᠤᠨ᠂ ᠵᠢᠷᠠᠳᠠᠢ ᠶᠢᠨ ᠬᠠᠪᠳᠠᠰᠤᠨ ᠮᠠᠲ᠋ᠧᠷᠢᠶᠠᠯ ᠡᠳ᠋ᠰᠢᠬᠦᠯᠬᠦ ᠲᠤᠭᠤᠷᠢᠭ ᠢ ᠨᠢᠬᠡ ᠴᠤᠭᠴᠠᠵᠢᠭᠤᠯᠤᠨ ᠬᠦᠭᠵᠢᠬᠦᠯᠬᠦ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠤ᠂ ᠵᠠᠮ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠵᠢᠷᠠᠳᠠᠢ ᠶᠢᠨ ᠲᠡᠮᠦᠷ ᠵᠠᠮ ᠤᠨ ᠦᠷᠳᠡᠭᠡ ᠶᠢ ᠦᠷᠭᠡᠳᠭᠡᠨ ᠵᠠᠰᠠᠬᠤ ᠵᠡᠷᠭᠡ ᠰᠠᠭᠤᠷᠢ ᠲᠦᠭᠦᠭᠡᠷᠦᠮᠵᠢ ᠶᠢᠨ ᠢᠨᠵᠧᠨᠧᠷᠢᠩ ᠢ ᠬᠡᠷᠡᠭᠵᠢᠬᠦᠯᠵᠤ᠂ ᠬᠦᠷᠢᠶᠡᠯᠡᠩ ᠳᠤᠭᠤᠷᠢᠭ ᠤᠨ ᠠᠵᠤ ᠦᠢᠯᠡᠰ ᠢ ᠳᠦᠪᠯᠡᠷᠡᠬᠦᠯᠵᠤ ᠳᠠᠭᠠᠭᠠᠬᠤ ᠴᠢᠳᠠᠪᠤᠷᠢ ᠨᠢ ᠳᠠᠰᠤᠷᠠᠯᠳᠠ ᠦᠬᠡᠢ ᠳᠡᠬᠡᠭᠰᠢᠯᠡᠪᠡ᠃ ︵ᠳᠦᠷᠪᠡ︶ ᠰᠤᠶᠤᠯ ᠵᠢᠭᠤᠯᠴᠢᠯᠠᠯ ᠤᠨ ᠦᠢᠯᠡᠰ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠵᠤ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠳᠦᠷᠬᠡᠳᠪᠡ᠃ ᠪᠤᠶᠠᠨ ᠢ ᠦᠨᠳᠦᠰᠦᠯᠡᠭᠴᠢ ᠰᠦᠮ᠎ᠡ᠂ ᠤᠯᠠᠨᠪᠤᠯᠠᠭ ᠤᠨ ᠨᠠᠭᠤᠷ ᠪᠠ ᠤᠯᠠᠭᠠᠨ ᠨᠠᠭᠤᠷ ᠵᠡᠷᠬᠡ ᠦᠵᠡᠮᠵᠢ ᠶᠢᠨ ᠤᠷᠤᠨ ᠢ ᠠᠰᠢᠭᠯᠠᠯᠳᠠ ᠳᠤ ᠤᠷᠤᠭᠤᠯᠤᠨ ᠳᠤᠷᠰᠢᠨ ᠡᠵᠡᠩᠨᠡᠬᠦᠯᠵᠤ᠂ ᠬᠠᠴᠢᠨ ᠴᠢᠯᠠᠭᠤᠨ ᠤ ᠮᠦᠽᠸᠢ ᠶᠢᠨ ᠭᠤᠤᠯ ᠴᠤᠭᠴᠠ ᠵᠢᠴᠢ ᠭᠠᠳᠠᠷ ᠴᠢᠮᠡᠭᠯᠡᠯ ᠤᠨ ᠢᠨᠵᠧᠨᠧᠷᠢᠩ ᠤᠨ ᠠᠵᠢᠯ ᠳᠠᠭᠤᠰᠴᠤ᠂ ᠬᠤᠯᠠᠳᠠᠬᠢᠨ ᠢ ᠳᠤᠭᠳᠠᠭᠠᠭᠴᠢ ᠬᠤᠷᠢᠶ᠎ᠠ ᠶᠢ ᠬᠠᠮᠠᠭᠠᠯᠠᠵᠤ ᠰᠠᠯᠪᠢᠨ ᠵᠠᠰᠠᠬᠤ ᠬᠤᠶᠠᠳᠤᠭᠠᠷ ᠬᠤᠭᠤᠴᠠᠭᠠᠨ ᠤ ᠢᠨᠵᠧᠨᠧᠷᠢᠩ ᠠᠵᠢᠯ ᠢᠶᠠᠨ ᠡᠬᠢᠯᠡᠬᠦᠯᠵᠤ ᠪᠦᠳᠦᠬᠡᠨ ᠪᠠᠶᠢᠭᠤᠯᠤᠯᠳᠠ ᠳᠤ ᠤᠷᠤᠵᠡᠢ᠃ ︽ᠭᠤᠷᠪᠠᠨ ᠶᠡᠭᠡ ᠨᠠᠶᠢᠷ ᠨᠠᠭᠠᠳᠤᠮ︾᠂ ᠠᠯᠠᠱᠠ ᠶᠢᠨ ᠰᠤᠶᠤᠯ ᠵᠢᠭᠤᠯᠴᠢᠯᠠᠯ ᠤᠨ ᠨᠠᠶᠢᠷ ᠵᠢᠴᠢ ᠠᠭᠸᠠᠩᠳᠠᠨᠳᠠᠷ ᠤᠨ ᠰᠢᠷᠢᠰ ᠰᠤᠶᠤᠯ ᠤᠨ ᠠᠵᠢᠯᠯᠠᠭ᠎ᠠ ᠵᠡᠷᠬᠡ ᠶᠢᠨ ᠬᠡᠪᠴᠢᠶ᠎ᠡ ᠨᠦᠯᠦᠬᠡ ᠨᠢ ᠦᠷᠬᠡᠨ ᠳᠡᠯᠬᠡᠷ ᠪᠤᠯᠵᠤ᠂ ᠬᠢᠷᠢ ᠳᠦᠪᠰᠢᠨ  ᠨᠢ ᠳᠡᠬᠡᠭᠰᠢᠯᠡᠨ᠂ ᠨᠡᠷᠡᠳᠤ ᠳᠡᠮᠳᠡᠭ ᠤᠨ ᠦᠷ᠎ᠡ ᠠᠰᠢᠭ ᠨᠢ ᠰᠠᠶᠢᠵᠢᠷᠠᠭᠰᠠᠨ ᠰᠠᠶᠢᠨ ᠬᠠᠨᠳᠤᠰᠢ ᠢᠯᠡᠷᠡᠵᠡᠢ᠃ ᠡᠯᠡᠰᠦ ᠮᠠᠩᠬᠠᠨ ᠤ ᠵᠢᠭᠤᠯᠴᠢᠯᠠᠯ᠂ ᠠᠮᠢ ᠠᠬᠤᠢ ᠶᠢᠨ ᠰᠡᠯᠡᠬᠦᠴᠡᠨ ᠲᠤᠭᠤᠷᠢᠬᠤ ᠮᠠᠯᠴᠢᠨ ᠳᠠᠷᠢᠶᠠᠴᠢᠨ ᠠᠶᠢᠯ ᠤᠨ ᠵᠢᠭᠤᠯᠴᠢᠯᠠᠯ ᠨᠢ ᠡᠳᠦᠷ ᠢᠷᠡᠬᠦᠶ᠎ᠡ ᠪᠠᠳᠠᠷᠠᠨ ᠬᠦᠭᠵᠢᠵᠤ᠂ ᠬᠤᠱᠤᠳ ᠤᠨ ᠦᠨᠳᠦᠰᠦᠳᠡᠨ ᠤ ᠵᠠᠩ ᠦᠢᠯᠡ ᠶᠢᠨ ᠰᠤᠶᠤᠯ ᠤᠨ ᠳᠤᠰᠬᠤᠨ ᠨᠢ ᠰᠢᠨ᠎ᠡ ᠬᠢᠯᠠᠰ ᠴᠡᠭ ᠪᠤᠯᠵᠤ᠂ ᠤᠪᠤᠭᠠᠨ ᠰᠤᠶᠤᠯ᠂ ᠳᠡᠮᠡᠬᠡᠨ ᠰᠤᠶᠤᠯ᠂ ᠮᠤᠷᠢᠨ ᠰᠤᠶᠤᠯ᠂ ᠬᠡᠷ ᠪᠦᠯᠢ ᠶᠢᠨ ᠨᠠᠭᠠᠳᠤᠮ ᠵᠡᠷᠬᠡ ᠤᠯᠠᠮᠵᠢᠯᠠᠯᠳᠤ ᠦᠨᠳᠦᠰᠦᠳᠡᠨ ᠤ ᠰᠤᠶᠤᠯ ᠤᠨ ᠠᠵᠢᠯᠯᠠᠭ᠎ᠠ ᠨᠢ ᠦᠩᠬᠡ ᠢᠯᠭᠠᠷᠠᠨ ᠦᠷᠨᠢᠨ ᠬᠦᠭᠵᠢᠪᠡ᠃ ᠨᠡᠶᠢᠳᠡ 178.8 ᠳᠦᠮᠡᠨ ᠬᠦᠮᠦᠨ ᠤᠳᠠᠭᠠᠨ ᠤ ᠵᠤᠭᠠᠴᠠᠭᠰᠠᠳ ᠢ ᠬᠦᠯᠢᠶᠡᠨ ᠠᠪᠴᠤ᠂ ᠵᠢᠭᠤᠯᠴᠢᠯᠠᠯ ᠤᠨ ᠶᠡᠷᠦᠩᠬᠡᠢ ᠤᠷᠤᠯᠭ᠎ᠠ 16.3 ᠳ᠋ᠦᠩᠰᠢᠭᠤᠷ ᠳᠦᠬᠦᠷᠢᠭ ᠲᠤ ᠬᠦᠷᠴᠤ᠂ ᠳᠤᠰᠪᠤᠷᠢ 25.1% ᠪᠠ 48.9% ᠪᠠᠷ ᠨᠡᠮᠡᠭᠳᠡᠪᠡ᠃ ᠪᠠᠶᠠᠨᠬᠤᠳᠠ ᠶᠢᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠭᠦᠨ ᠤ ᠪᠤᠳᠠᠰ ᠤᠨ ᠬᠦᠢᠯᠬᠡᠬᠡᠨ ᠤ ᠬᠦᠷᠢᠶᠡᠯᠡᠩ᠂ ᠳᠠᠶᠢᠰᠢ ᠶᠢᠨ ᠪᠤᠳᠠᠰ ᠤᠨ ᠬᠦᠢᠯᠭᠡᠭᠡᠨ ᠤ ᠬᠦᠷᠢᠶᠡᠯᠡᠩ ᠵᠡᠷᠬᠡ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ ᠠᠬᠢᠭᠤᠯᠪᠠ᠃ ᠪᠦᠸᠧ ᠯᠦᠩ ᠴᠠᠭ ᠡᠷᠡᠨ ᠤ ᠠᠭᠤᠳᠠᠮ ᠲᠡᠯᠡᠪᠡᠢ ᠳᠤ ᠬᠤᠳᠠᠯᠳᠤᠭᠠᠴᠢᠳ ᠡᠬᠢᠯᠡᠵᠤ ᠤᠷᠤᠴᠠᠭᠠᠵᠤ᠂ ᠯᠢ ᠳ᠋ᠦ᠋ ᠸᠠᠨ ᠰᠢᠶᠠᠩ ᠬᠤᠳᠠ ᠴᠤ ᠦᠪᠡᠳᠡᠭᠰᠢ ᠶᠡᠬᠡᠪᠡᠷ ᠡᠬᠦᠳᠡ ᠪᠠᠨ ᠨᠡᠬᠡᠬᠡᠨ᠂ ᠲᠢᠶᠠᠨ ᠱᠧᠩ ᠬᠤᠳᠠᠯᠳᠤᠭᠠᠨ ᠤ ᠲᠠᠯᠠᠪᠠᠢ ᠶᠢᠨ ᠡᠵᠡᠩᠨᠡᠯᠳᠡ ᠨᠢ ᠡᠳᠦᠷ ᠢᠷᠡᠬᠦᠶ᠎ᠡ ᠳᠦᠷᠢᠮᠵᠢᠨ᠂ ᠬᠡᠷᠡᠭᠯᠡᠬᠡᠨ ᠤ ᠳᠡᠰ ᠳᠠᠪᠬᠤᠷᠭ᠎ᠠ ᠪᠠ ᠬᠢᠷᠢ ᠳᠦᠪᠰᠢᠨ ᠢ ᠳᠡᠬᠡᠭᠰᠢᠯᠡᠬᠦᠯᠵᠤ᠂ ᠴᠠᠭ ᠤᠨ ᠦᠩᠬᠡ ᠶᠢ ᠳᠠᠭᠠᠭᠰᠠᠨ ᠬᠡᠷᠡᠭᠯᠡᠭᠡ ᠶᠢ ᠳᠠᠶᠢᠴᠢᠯᠠᠨ ᠳᠠᠭᠠᠭᠤᠯᠬᠤ ᠬᠤᠰᠢᠭᠤᠴᠢ ᠵᠠᠬ᠎ᠠ ᠪᠤᠯᠪᠠ᠃ ᠮᠦᠩᠬᠦᠨ ᠬᠦᠢᠯᠬᠡᠬᠡ ᠳᠠᠭᠠᠳᠬᠠᠯ᠂ ᠡᠯᠧᠺᠲᠷᠤᠨ ᠬᠤᠳᠠᠯᠳᠤᠭᠠᠨ ᠤ ᠶᠠᠪᠤᠳᠠᠯ᠂ ᠪᠤᠳᠠᠰ ᠤᠨ ᠬᠦᠢᠯᠬᠡᠬᠡ ᠳᠤᠬᠢᠷᠠᠭᠤᠯᠤᠨ ᠬᠦᠷᠬᠡᠬᠦ᠂ ᠬᠡᠷ ᠤᠨ ᠠᠳᠠᠯ ᠠᠬᠤᠢ ᠶᠢᠨ ᠦᠢᠯᠡᠴᠢᠯᠡᠭᠡ ᠵᠡᠷᠬᠡ ᠤᠳᠤᠬᠢᠴᠢᠯᠠᠭᠰᠠᠨ ᠦᠢᠯᠡᠴᠢᠯᠡᠬᠡᠨ ᠤ ᠦᠢᠯᠡᠰ ᠤᠨ ᠬᠦᠭᠵᠢᠯᠳᠡ ᠳᠦᠷᠬᠡᠳᠪᠡ᠃ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠰᠤᠯᠠ ᠪᠠᠷ ᠪᠤᠷᠤᠯᠠᠭᠤᠯᠤᠭᠰᠠᠨ ᠶᠡᠷᠦᠩᠬᠡᠢ ᠲᠤᠭ᠎ᠠ ᠶᠢ 39.6 ᠳ᠋ᠦᠩᠰᠢᠭᠤᠷ ᠳᠦᠬᠦᠷᠢᠭ ᠪᠡᠶᠡᠯᠡᠬᠦᠯᠵᠤ᠂ 11.1% ᠪᠠᠷ ᠨᠡᠮᠡᠭᠳᠡᠪᠡ᠃ ︵ᠳᠠᠪᠤ︶ ᠬᠤᠳᠠ ᠬᠦᠳᠡᠬᠡᠨ ᠤ ᠬᠦᠭᠵᠢᠯᠳᠡ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠤ᠂ ᠠᠮᠢᠳᠤᠷᠠᠨ ᠰᠠᠭᠤᠬᠤ ᠤᠷᠴᠢᠨ ᠢᠯᠡᠷᠬᠡᠢ ᠰᠠᠶᠢᠵᠢᠷᠠᠪᠠ᠃ ᠪᠠᠶᠠᠨᠬᠤᠳᠠ᠂ ᠵᠢᠷᠠᠳᠠᠢ᠂ ᠤᠯᠠᠨᠪᠤᠯᠠᠭ᠂ ᠵᠢᠷᠭᠠᠯᠰᠠᠶᠢᠬᠠᠨ᠂ ᠤᠰᠤᠳᠠᠢ ᠪᠠᠯᠭᠠᠰᠤ ᠨᠢ ᠪᠦᠬᠦ ᠤᠯᠤᠰ ᠤᠨ ᠭᠤᠤᠯᠳᠠᠯᠭ᠎ᠠ ᠲᠠᠢ ᠪᠠᠯᠭᠠᠰᠤᠨ ᠤ ᠡᠩᠨᠡᠬᠡᠨ ᠳᠤ ᠵᠢᠭᠰᠠᠭᠠᠭᠳᠠᠵᠡᠢ᠃ ᠪᠠᠶᠠᠨᠨᠢᠷᠤᠭᠤᠨ᠂ ᠵᠡᠬᠦᠨ ᠪᠡᠯ ᠵᠡᠷᠬᠡ ᠰᠤᠮᠤ ᠪᠠᠯᠭᠠᠰᠤᠨ ᠤ ᠶᠡᠷᠦᠩᠬᠡᠢ ᠳᠦᠯᠦᠪᠵᠢᠬᠦᠯᠬᠡ ᠶᠢ ᠵᠠᠰᠠᠨ ᠨᠠᠶᠢᠷᠠᠭᠤᠯᠬᠤ ᠵᠢᠴᠢ ᠬᠦᠨᠬᠤᠳᠳᠤᠭ᠂ ᠡᠮᠦᠨᠡᠭᠤᠤᠯ ᠵᠡᠷᠬᠡ 7 ᠭᠠᠴᠠᠭ᠎ᠠ ᠳᠤᠰᠬᠤᠨ ᠤ ᠪᠦᠳᠦᠬᠡᠨ ᠪᠠᠶᠢᠭᠤᠯᠤᠯᠳᠠ ᠶᠢᠨ ᠳᠦᠯᠦᠪᠵᠢᠬᠦᠯᠬᠡ ᠶᠢ ᠨᠠᠶᠢᠷᠠᠭᠤᠯᠬᠤ ᠠᠵᠢᠯ ᠢ ᠳᠠᠭᠤᠰᠬᠠᠵᠤ᠂ ᠬᠤᠳᠠ ᠬᠦᠳᠡᠬᠡᠨ ᠤ ᠳᠦᠯᠦᠪᠵᠢᠬᠦᠯᠬᠡ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠪᠡ᠃ ᠰᠤᠷᠭᠠᠨ ᠬᠦᠮᠦᠵᠢᠯ ᠤᠨ ᠰᠢᠨ᠎ᠡ ᠳᠤᠰᠬᠤᠨ ᠵᠡᠷᠬᠡ 6 ᠰᠠᠭᠤᠭᠠᠯᠢ ᠠᠷᠠᠳ ᠤᠨ ᠳᠤᠭᠤᠷᠢᠭ ᠤᠨ ᠤᠳᠤᠬᠢ ᠪᠠᠷᠢᠯᠭ᠎ᠠ ᠶᠢᠨ ᠡᠨᠧᠷᠬᠢ ᠠᠷᠪᠢᠯᠠᠬᠤ ᠦᠬᠡᠷᠡᠴᠢᠯᠡᠯᠳᠡ ᠶᠢ ᠪᠡᠶᠡᠯᠡᠬᠦᠯᠵᠤ᠂ ᠬᠤᠳᠠ ᠶᠢᠨ ᠴᠡᠴᠡᠷᠯᠢᠭ ᠤᠨ ᠡᠮᠦᠨ᠎ᠡ ᠵᠠᠮ ᠢ ᠵᠠᠰᠠᠵᠤ ᠳᠠᠭᠤᠰᠬᠠᠨ ᠳᠡᠷᠬᠡ ᠨᠡᠪᠳᠡᠷᠡᠵᠡᠢ᠃ 4.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ ᠨᠤᠭᠤᠭᠠᠷᠠᠭᠤᠯᠤᠯᠳᠠ ᠶᠢᠨ ᠦᠵᠡᠮᠵᠢ ᠶᠢᠨ ᠳᠠᠯᠠᠪᠠᠢ ᠶᠢ ᠰᠢᠨ᠎ᠡ ᠪᠠᠷ 365.4 ᠳᠦᠮᠡᠨ ᠳᠡᠭᠰᠢ ᠳᠦᠷᠪᠡᠯᠵᠢᠨ ᠮᠧᠲᠷ ᠨᠡᠮᠡᠭᠳᠡᠬᠦᠯᠵᠡᠢ᠃ ᠪᠤᠷᠤᠭᠠᠨ ᠤ ᠤᠰᠤ ᠶᠢ ᠬᠤᠷᠠᠮᠳᠤᠭᠤᠯᠬᠤ᠂ ᠪᠤᠬᠢᠷ ᠤᠰᠤ ᠰᠢᠢᠳᠪᠦᠷᠢᠯᠡᠬᠦ᠂ ᠳᠤᠯᠠᠭᠠᠯᠭ᠎ᠠ ᠬᠠᠩᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠶᠢᠨ ᠬᠤᠭᠤᠯᠠᠢ ᠶᠢᠨ ᠳᠤᠤᠷ ᠤᠨ ᠪᠦᠳᠦᠬᠡᠨ ᠪᠠᠶᠢᠭᠤᠯᠤᠯᠳᠠ ᠪᠠ ᠴᠠᠬᠢᠯᠭᠠᠨ ᠤᠳᠠᠰᠤ ᠶᠢ ᠭᠠᠵᠠᠷ ᠳᠤᠤᠷ᠎ᠠ ᠤᠷᠤᠭᠤᠯᠬᠤ ᠦᠬᠡᠷᠡᠴᠢᠯᠡᠯᠳᠡ ᠶᠢᠨ ᠢᠨᠵᠧᠨᠧᠷᠢᠩ ᠢ ᠬᠡᠷᠡᠭᠵᠢᠬᠦᠯᠵᠤ᠂ ᠡᠯ᠎ᠡ ᠵᠦᠢᠯ ᠤᠨ ᠭᠠᠵᠠᠷ ᠳᠤᠤᠷᠠᠬᠢ ᠬᠤᠭᠤᠯᠠᠢ ᠶᠢᠨ ᠳᠤᠤᠷ ᠢ ᠰᠢᠨ᠎ᠡ ᠪᠠᠷ 33 ᠺᠢᠯᠤᠮᠧᠲᠷ ᠳᠡᠪᠢᠰᠴᠤ᠂ ᠪᠠᠶᠢᠭᠠᠯᠢ ᠶᠢᠨ ᠰᠢᠳᠠᠮᠠᠬᠠᠢ ᠬᠡᠢ ᠬᠡᠷᠡᠭᠯᠡᠬᠦ ᠡᠷᠦᠬᠡ ᠰᠢᠨ᠎ᠡ ᠪᠠᠷ 4000 ᠨᠡᠮᠡᠭᠳᠡᠵᠤ᠂ ᠠᠮᠢᠳᠤᠷᠠᠯ ᠤᠨ ᠪᠤᠬᠢᠷ ᠤᠰᠤ ᠶᠢ ᠰᠢᠢᠳᠪᠦᠷᠢᠯᠡᠬᠦ ᠨᠤᠷᠮ᠎ᠠ᠂ ᠳᠦᠪᠯᠡᠷᠡᠬᠦᠯᠦᠨ ᠳᠤᠯᠠᠭᠠᠯᠭ᠎ᠠ ᠬᠠᠩᠭᠠᠬᠤ ᠳᠦᠬᠡᠮᠡᠯᠵᠢᠯᠳᠡ ᠶᠢᠨ ᠨᠤᠷᠮ᠎ᠠ ᠪᠠ ᠰᠢᠢᠳᠪᠦᠷᠢᠯᠡᠭᠰᠡᠨ ᠤᠰᠤ ᠶᠢ ᠳᠠᠬᠢᠨ ᠬᠡᠷᠡᠭᠯᠡᠬᠦ ᠨᠤᠷᠮ᠎ᠠ ᠨᠢ ᠳᠤᠰᠪᠤᠷᠢ 80%᠂ 86% ᠪᠠ 70% ᠳᠤ ᠬᠦᠷᠴᠡᠢ᠃ ᠬᠤᠳᠠ ᠶᠢᠨ ᠤᠷᠴᠢᠨ ᠳᠤᠭᠤᠷᠢᠨ ᠤ ᠡᠷᠡᠬᠦᠯ ᠬᠠᠮᠠᠭᠠᠯᠠᠯ ᠤᠨ ᠳᠦᠬᠦᠬᠡᠷᠦᠮᠵᠢ  ᠳᠤ ᠪᠡᠯᠡ ᠤᠷᠤᠭᠤᠯᠬᠤ ᠬᠦᠴᠦᠯᠡᠴᠡ ᠪᠠᠨ ᠨᠡᠮᠡᠭᠳᠡᠬᠦᠯᠵᠤ᠂ ᠬᠤᠳᠠ ᠶᠢᠨ ᠵᠠᠮ ᠢ ᠮᠠᠰᠢᠨ ᠢᠶᠠᠷ ᠱᠦᠬᠦᠷᠳᠡᠬᠦ ᠨᠤᠷᠮ᠎ᠠ 20% ᠳᠤ ᠬᠦᠷᠴᠡᠢ᠃ ᠪᠦᠷᠬᠡ ᠬᠡᠷ ᠤᠨ ᠤᠷᠤᠨ ᠤ ᠦᠬᠡᠷᠡᠴᠢᠯᠡᠯᠳᠡ ᠶᠢ ᠶᠡᠭᠡ ᠪᠠᠷ ᠠᠬᠢᠭᠤᠯᠵᠤ᠂ ᠬᠤᠳᠠ ᠶᠢᠨ ᠪᠦᠷᠬᠡ ᠬᠡᠷ ᠤᠨ ᠤᠷᠤᠨ ᠤ 740 ᠡᠷᠦᠬᠡ 8.9 ᠳᠦᠮᠡᠨ ᠳᠡᠭᠰᠢ ᠳᠦᠷᠪᠡᠯᠵᠢᠨ ᠮᠧᠲᠷ ᠳᠠᠯᠠᠪᠠᠢ ᠶᠢ ᠳᠠᠳᠠᠪᠤᠷᠢᠯᠠᠨ ᠬᠤᠷᠢᠶᠠᠵᠤ᠂ ᠭᠤᠷᠪᠠᠨ ᠤᠪᠤᠭᠠᠨ ᠤ ᠠᠭᠤᠷᠬᠠᠢ ᠶᠢᠨ ᠪᠦᠷᠬᠡ ᠬᠡᠷ ᠤᠨ ᠤᠷᠤᠨ ᠤ ᠰᠠᠭᠤᠭᠠᠯᠢ ᠠᠷᠠᠳ ᠤᠨ 400 ᠡᠷᠦᠬᠡ ᠶᠢ ᠨᠡᠬᠦᠯᠬᠡᠪᠡ᠃ ︵ᠵᠢᠷᠭᠤᠭ᠎ᠠ︶ ᠰᠠᠭᠤᠷᠢ ᠳᠦᠬᠦᠬᠡᠷᠦᠮᠵᠢ ᠶᠢᠨ ᠨᠦᠬᠦᠴᠡᠯ ᠢ ᠶᠡᠬᠡᠪᠡᠷ ᠳᠡᠬᠡᠭᠰᠢᠯᠡᠬᠦᠯᠵᠤ᠂ ᠬᠦᠭᠵᠢᠯᠳᠡ ᠶᠢᠨ ᠪᠠᠳᠤᠯᠠᠭᠠᠨ ᠤ ᠴᠢᠳᠠᠪᠤᠷᠢ ᠳᠠᠰᠤᠷᠠᠯᠳᠠ ᠦᠬᠡᠢ ᠴᠢᠩᠭᠠᠷᠠᠪᠠ᠃ ᠭᠠᠨ ᠳᠠᠩ — ᠡᠤ ᠸᠧᠢ ᠶᠢᠨ ᠡᠮᠦᠨ᠎ᠡ ᠬᠦᠷᠬᠦ ᠳᠡᠮᠦᠷ ᠵᠠᠮ ᠤᠨ ᠬᠤᠶᠠᠳᠤᠭᠠᠷ ᠱᠤᠭᠤᠮ ︵ᠠᠯᠠᠱᠠ ᠵᠡᠬᠦᠨ ᠬᠤᠰᠢᠭᠤᠨ ᠤ ᠬᠡᠰᠡᠭ︶᠂ ᠳᠤᠩᠭᠠᠯᠠᠭ ᠨᠠᠭᠤᠷ — ᠡᠷᠬᠡᠬᠠᠰᠬ᠎ᠠ ᠬᠦᠷᠬᠦ ︵ᠦᠪᠦᠷ ᠮᠤᠩᠭᠤᠯ ᠭᠠᠨᠰᠤ ᠶᠢᠨ ᠬᠢᠯᠢ︶ ᠬᠦᠳᠡᠭᠡ ᠳᠤᠰᠬᠤᠨ ᠳᠤ ᠨᠡᠪᠳᠡᠷᠡᠬᠦ ᠵᠠᠰᠠᠮᠠᠯ ᠵᠠᠮ ᠤᠨ ᠠᠵᠢᠯ ᠢᠶᠠᠨ ᠡᠬᠢᠯᠡᠬᠦᠯᠵᠤ᠂ ᠵᠠᠩ ᠵᠢᠶᠠ ᠹᠠᠩ — ᠴᠠᠬᠠᠷ ᠤᠨ ᠬᠦᠳᠡᠭᠡ ᠬᠦᠷᠬᠦ ᠲᠦᠷᠬᠡᠨ ᠵᠠᠮ ᠤᠨ ᠦᠷᠦᠬᠡᠰᠦᠨ ᠱᠤᠭᠤᠮ᠂ ᠬᠠᠳᠠᠭᠤᠳᠤᠯᠤᠭᠠᠢ — ᠰᠤᠬᠠᠶᠢᠳᠤ ᠬᠦᠷᠬᠦ ᠨᠢᠬᠡᠳᠦᠬᠡᠷ ᠳᠡᠰ ᠤᠨ ᠵᠠᠰᠠᠮᠠᠯ ᠵᠠᠮ ᠢ ᠳᠡᠪᠢᠰᠴᠤ ᠳᠠᠭᠤᠰᠬᠠᠨ ᠳᠡᠷᠬᠡ ᠨᠡᠪᠳᠡᠷᠡᠵᠤ᠂ ᠪᠠᠶᠠᠨᠨᠢᠷᠤᠭᠤᠨ — ᠰᠤᠬᠠᠶᠢᠳᠤ ᠬᠦᠷᠬᠦ ᠨᠢᠬᠡᠳᠦᠬᠡᠷ ᠳᠡᠰ ᠤᠨ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠨᠢ ᠡᠮᠬᠢ ᠴᠡᠭᠴᠡ ᠲᠠᠢ ᠠᠬᠢᠵᠤ᠂ ᠮᠠᠯᠵᠢᠬᠤ ᠳᠠᠷᠢᠶᠠᠯᠠᠬᠤ ᠤᠷᠤᠨ ᠤ ᠵᠠᠰᠠᠮᠠᠯ ᠵᠠᠮ ᠢ ᠰᠢᠨ᠎ᠡ ᠪᠠᠷ 76 ᠺᠢᠯᠤᠮᠧᠲᠷ ᠵᠠᠰᠠᠵᠡᠢ᠃ ᠪᠠᠶᠠᠨᠬᠤᠳᠠ ᠶᠢᠨ ᠠᠵᠢᠯ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠰᠠᠯᠠᠭ᠎ᠠ ᠱᠤᠭᠤᠮ ᠤᠨ ᠨᠢᠰᠬᠡᠯ ᠤᠨ ᠪᠠᠭᠤᠳᠠᠯ ᠪᠤᠯᠭᠠᠬᠤ ᠪᠠᠷ ᠭᠤᠶᠤᠴᠢᠯᠠᠬᠤ ᠠᠵᠢᠯ ᠢ ᠡᠬᠢᠯᠡᠬᠦᠯᠪᠡ᠃ ᠪᠠᠶᠠᠨᠮᠤᠳᠤᠨ ᠤ 220 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠢᠨᠵᠧᠨᠧᠷᠢᠩ ᠤᠨ ᠠᠬᠢᠴᠠ ᠤᠷᠤᠭᠰᠢᠳᠠᠢ ᠪᠠᠶᠢᠵᠤ᠂ ᠠᠯᠠᠱᠠ ᠶᠢᠨ ᠬᠤᠶᠠᠳᠤᠭᠠᠷ ᠴᠠᠬᠢᠯᠭᠠᠨ ᠤ ᠢᠷᠡᠯᠳᠡ ᠶᠢᠨ ᠠᠯᠳ᠋ᠬᠠᠤᠪᠤᠭ᠎ᠠ ᠠᠴᠠ ᠪᠠᠶᠠᠨᠭᠤᠤᠯ ᠬᠦᠷᠬᠦ 500 ᠺᠢᠯᠤᠸᠤᠯᠲ ᠤᠨ ᠬᠦᠴᠦᠳᠡᠯ ᠦᠬᠡᠷᠡᠴᠢᠯᠡᠬᠦ ᠳᠦᠷᠦᠯ ᠵᠦᠢᠯ ᠢ ᠶᠠᠭ ᠬᠢᠨᠠᠨ ᠳᠤᠭᠳᠠᠭᠠᠵᠤ ᠪᠠᠶᠢᠨ᠎ᠠ᠃ ᠬᠦᠮᠦᠨ ᠤ ᠬᠦᠴᠦ ᠪᠠᠷ 24.5 ᠳᠦᠮᠡᠨ ᠮᠤ᠋ ᠣᠶᠢᠵᠢᠭᠤᠯᠵᠣ᠂ ᠨᠢᠰᠬᠡᠯ ᠢᠶᠠᠷ 32 ᠳᠦᠮᠡᠨ ᠮᠤ᠋ ᠮᠤᠳᠤ ᠳᠠᠷᠢᠵᠤ᠂ ᠡᠯᠡᠰᠦ ᠶᠢ ᠪᠢᠳᠡᠬᠦᠮᠵᠢᠯᠡᠨ 10 ᠳᠦᠮᠡᠨ ᠮᠤ᠋ ᠤᠢ ᠮᠤᠳᠤ ᠳᠠᠷᠢᠵᠤ᠂ ᠭᠤᠤᠯᠳᠠᠯᠭ᠎ᠠ ᠲᠠᠢ ᠤᠷᠤᠨ ᠢ 2 ᠳᠦᠮᠡᠨ ᠮᠤ᠋ ᠨᠤᠭᠤᠭᠠᠷᠠᠭᠤᠯᠵᠤ᠂ ᠠᠯᠪᠠᠨ ᠵᠢᠷᠤᠮ ᠢᠶᠠᠷ 50 ᠳᠦᠮᠡᠨ ᠰᠠᠭᠤᠷᠢ ᠮᠤᠳᠤ ᠳᠠᠷᠢᠵᠡᠢ᠃ ᠮᠠᠯ ᠪᠡᠯᠴᠢᠬᠡᠷ ᠢ ᠳᠡᠩᠴᠡᠬᠦᠷᠢᠳᠡᠢ ᠪᠠᠶᠢᠯᠭᠠᠬᠤ ᠳᠦᠷᠢᠮ ᠢ ᠴᠢᠩᠭ᠎ᠠ ᠬᠡᠷᠡᠭᠵᠢᠬᠦᠯᠵᠤ᠂ ᠨᠤᠳᠤᠭ ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢᠨ ᠳᠠᠯᠠᠪᠠᠢ ᠶᠢ 533 ᠳᠦᠮᠡᠨ ᠮᠤ᠋ ᠳᠤ ᠬᠦᠷᠬᠡᠪᠡ᠃ 7 ᠳᠦᠷᠦᠯ ᠤᠨ ᠬᠦᠮᠦᠨ ᠠᠮᠢᠳᠠᠨ ᠤ ᠤᠤᠭᠤᠬᠤ ᠤᠰᠤᠨ ᠤ ᠠᠮᠤᠷ ᠳᠦᠪᠰᠢᠨ ᠤ ᠢᠨᠵᠧᠨᠧᠷᠢᠩ ᠢ ᠬᠡᠷᠡᠭᠵᠢᠬᠦᠯᠵᠤ᠂ 2365 ᠬᠦᠮᠦᠨ ᠤ ᠤᠤᠭᠤᠬᠤ ᠤᠰᠤᠨ ᠤ ᠠᠮᠤᠷ ᠳᠦᠪᠰᠢᠨ ᠢ ᠪᠠᠳᠤᠯᠠᠪᠠ᠃ ᠪᠠᠶᠠᠨᠬᠤᠳᠠ ᠵᠢᠴᠢ ᠵᠠᠮ ᠱᠤᠭᠤᠮ ᠳᠠᠭᠠᠤ ᠰᠤᠮᠤ ᠪᠠᠯᠭᠠᠰᠤᠨ ᠤ ᠤᠤᠭᠤᠬᠤ ᠤᠰᠤᠨ ᠤ ᠠᠮᠤᠷ ᠳᠦᠪᠰᠢᠨ ᠤ ᠢᠨᠵᠧᠨᠧᠷᠢᠩ ᠢ ᠬᠤᠳᠠ ᠶᠢᠨ ᠳᠤᠭᠤᠷᠢᠭ ᠤᠨ ᠤᠰᠤ ᠬᠠᠩᠭᠠᠬᠤ ᠬᠤᠭᠤᠯᠠᠢ ᠶᠢᠨ ᠳᠤᠤᠷ ᠲᠠᠢ ᠨᠡᠶᠢᠯᠡᠬᠦᠯᠵᠤ᠂ ᠤᠰᠤ ᠬᠠᠩᠭᠠᠬᠤ ᠪᠠᠳᠤᠯᠠᠭᠠᠨ ᠤ ᠴᠢᠳᠠᠪᠤᠷᠢ ᠤᠯᠠᠮ ᠨᠢᠬᠡ ᠠᠯᠬᠤᠮ ᠳᠡᠬᠡᠭᠰᠢᠯᠡᠪᠡ᠃ ᠠᠶᠤᠯᠳᠠᠢ ᠤᠰᠤᠨ ᠴᠦᠬᠦᠷᠦᠮ ᠢ ᠪᠠᠬᠢᠯᠡᠬᠦ᠂ ᠤᠰᠤ ᠰᠢᠷᠤᠢ ᠶᠢ ᠪᠠᠳᠤᠯᠠᠬᠤ᠂ ᠭᠤᠤᠯ ᠭᠤᠷᠤᠬ᠎ᠠ ᠶᠢ ᠵᠠᠰᠠᠬᠤ ᠵᠡᠷᠬᠡ ᠤᠰᠤᠨ ᠠᠰᠢᠭᠯᠠᠯᠳᠠ ᠶᠢᠨ ᠢᠨᠵᠧᠨᠧᠷᠢᠩ ᠡᠮᠬᠢ ᠴᠡᠭᠴᠡ ᠲᠠᠢ ᠠᠬᠢᠵᠡᠢ᠃ ︽ᠳᠦᠷᠪᠡᠨ ᠵᠤᠷᠪᠤᠰ ᠤᠯᠠᠭᠠᠨ ᠱᠤᠭᠤᠮ︾ ᠤᠨ ᠤᠬᠠᠮᠰᠠᠷ ᠢ ᠬᠦᠴᠦ ᠳᠠᠯᠪᠢᠨ ᠴᠢᠩᠭᠠᠳᠬᠠᠵᠤ᠂ ᠤᠷᠴᠢᠨ ᠳᠤᠭᠤᠷᠢᠨ ᠤ ᠬᠠᠮᠠᠭᠠᠯᠠᠯᠳᠠ᠂ ᠡᠨᠧᠷᠬᠢ ᠠᠷᠪᠢᠯᠠᠵᠤ ᠢᠯᠭᠠᠷᠠᠭᠤᠯᠤᠯ ᠢ ᠪᠠᠭᠠᠰᠬᠠᠬᠤ᠂ ᠠᠶᠤᠯᠬᠦᠢ ᠦᠢᠯᠡᠳᠪᠦᠷᠢᠯᠡᠯ᠂ ᠠᠭᠤᠷᠬᠠᠢ ᠶᠢᠨ ᠤᠷᠤᠨ ᠤ ᠶᠡᠷᠦᠩᠬᠡᠶᠢᠯᠡᠭᠰᠡᠨ ᠵᠠᠰᠠᠯᠳᠠ ᠵᠡᠷᠬᠡ ᠳᠤᠰᠬᠠᠢ ᠳᠦᠷᠦᠯ ᠤᠨ ᠠᠵᠢᠯᠯᠠᠭ᠎ᠠ ᠶᠢ ᠦᠷᠨᠢᠬᠦᠯᠵᠤ᠂ 12 ᠠᠵᠤ ᠠᠬᠤᠶᠢᠯᠠᠯ ᠢ ᠨᠡᠬᠦᠯᠬᠡᠨ᠂ ᠦᠢᠯᠡᠳᠪᠦᠷᠢ ᠠᠭᠤᠷᠬᠠᠢ ᠶᠢᠨ 295 ᠠᠵᠤ ᠠᠬᠤᠶᠢᠯᠠᠯ ᠢ ᠶᠡᠷᠦᠩᠬᠡᠶᠢᠯᠡᠨ ᠵᠠᠰᠠᠪᠠ᠃ ᠠᠭᠠᠷ ᠤᠨ ᠪᠤᠬᠢᠷᠳᠤᠯ ᠤᠨ ᠴᠡᠭᠴᠡᠯᠡᠯᠳᠡ ᠶᠢᠨ ᠬᠦᠴᠦᠯᠡᠴᠡ ᠪᠠᠨ ᠴᠢᠩᠭᠠᠳᠬᠠᠵᠤ᠂ ᠪᠠᠶᠠᠨᠬᠤᠳᠠ ᠶᠢᠨ ᠠᠭᠠᠷ ᠮᠠᠨᠳᠠᠯ ᠰᠠᠶᠢᠨ ᠪᠠᠶᠢᠬᠤ ᠡᠳᠦᠷ ᠤᠨ ᠳᠤᠭ᠎ᠠ 350 ᠳᠤ ᠬᠦᠷᠴᠡᠢ᠃  ︵ᠲᠤᠯᠤᠭ᠎ᠠ︶ ᠵᠠᠰᠠᠭ  ᠤᠨ ᠤᠷᠳᠤᠨ  ᠤ ᠴᠢᠳᠠᠪᠬᠢ ᠶᠢ ᠦᠨᠡᠨᠬᠦ ᠬᠤᠪᠢᠷᠠᠭᠤᠯᠵᠤ᠂ ᠦᠬᠡᠷᠡᠴᠢᠯᠡᠯᠳᠡ ᠨᠡᠬᠡᠬᠡᠯᠳᠡ  ᠶᠢ ᠬᠦᠨᠵᠡᠬᠡᠢ ᠲᠦᠯᠬᠢᠨ ᠠᠬᠢᠭᠤᠯᠪᠠ᠃ ᠲᠦᠪ ᠬᠤᠷᠢᠶᠠᠨ ᠤ ︽ᠨᠠᠢᠮᠠᠨ ᠲᠤᠭᠳᠠᠭᠠᠯ︾᠂ ᠦᠪᠡᠷᠳᠡᠬᠡᠨ ᠵᠠᠰᠠᠬᠤ ᠤᠷᠤᠨ ᠤ 28 ᠳᠦᠬᠦᠷᠵᠢᠬᠦᠯᠦᠭᠰᠡᠨ ᠲᠤᠭᠳᠠᠭᠠᠯ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠵᠢᠴᠢ ᠬᠤᠰᠢᠭᠤᠨ ᠤ ᠨᠠᠮ ᠤᠨ ᠬᠤᠷᠢᠶᠠᠨ ᠤ ᠳᠦᠬᠦᠷᠵᠢᠬᠦᠯᠦᠭᠰᠡᠨ ᠳᠤᠭᠳᠠᠭᠠᠯ  ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠲᠦᠮᠡᠨᠴᠢ ᠱᠤᠭᠤᠮ  ᠤᠨ ᠬᠦᠮᠦᠵᠢᠯ ᠦᠢᠯᠡᠳᠦᠯᠬᠡ  ᠶᠢᠨ ᠠᠵᠢᠯᠯᠠᠭ᠎ᠠ ᠶᠢ  ᠯᠠᠪᠳᠠᠭᠤᠨ ᠪᠠᠳᠤᠳᠠᠢ ᠦᠷᠨᠢᠬᠦᠯᠦᠨ᠂ ︽ᠲᠦᠷᠪᠡᠨ ᠰᠤᠷᠳᠠᠯ︾ ᠤᠨ ᠲᠤᠪᠤᠶᠢᠮ᠎ᠠ ᠠᠰᠠᠭᠤᠳᠠᠯ ᠢ ᠡᠷᠴᠢᠮᠳᠠᠢ ᠰᠢᠢᠳᠪᠦᠷᠢᠯᠡᠵᠦ᠂ ᠵᠠᠰᠠᠭ ᠵᠠᠬᠢᠷᠭᠠᠨ  ᠤ ᠠᠯᠪᠠᠨ ᠪᠠᠶᠢᠭᠤᠯᠭ᠎ᠠ ᠪᠤᠯᠤᠨ ᠺᠠᠳ᠋ᠷ ᠤᠨ ᠰᠣᠷᠳᠠᠯ ᠢᠯᠡᠳᠳᠡ ᠰᠠᠶᠢᠵᠢᠷᠠᠨ᠂ ᠵᠠᠰᠠᠭ ᠵᠠᠬᠢᠷᠭᠠᠨ  ᠤ ᠦᠢᠯᠡᠳᠦᠯ ᠴᠢᠳᠠᠪᠬᠢ ᠲᠠᠰᠤᠷᠠᠯᠳᠠ ᠦᠬᠡᠢ ᠲᠡᠭᠡᠭᠰᠢᠯᠡᠪᠡ᠃ ᠬᠤᠷᠠᠯ ᠢ 11.2% ᠢᠶᠠᠷ ᠪᠠᠭᠠᠰᠬᠠᠵᠤ᠂ ᠠᠯᠪᠠᠨ ᠪᠢᠴᠢᠭ ᠢ 23.8% ᠪᠠᠷ ᠪᠠᠭᠠᠰᠬᠠᠨ᠂ ᠡᠯ᠎ᠡ ᠲᠦᠷᠦᠯ  ᠤᠨ ᠠᠳᠠᠯᠢᠳᠬᠠᠯ ᠬᠦᠬᠢᠬᠦᠯᠦᠯ  ᠤᠨ ᠠᠵᠢᠯᠯᠠᠭ᠎ᠠ ᠶᠢ 5 ᠲᠦᠷᠦᠯ ᠪᠠᠭᠠᠰᠬᠠᠵᠤ᠂ 61 ᠤᠳᠤᠷᠢᠳᠬᠤ ᠲᠤᠭᠤᠶᠢᠯᠠᠩ ᠪᠤᠯᠤᠨ ᠬᠡᠷᠡᠭ ᠤᠴᠢᠷ ᠵᠦᠪᠳᠡᠯᠴᠡᠵᠤ ᠵᠤᠬᠢᠴᠠᠭᠤᠯᠬᠤ ᠪᠠᠶᠢᠭᠤᠯᠤᠮᠵᠢ ᠶᠢ ᠦᠬᠡᠶᠢᠰᠬᠡᠪᠡ᠃ ᠵᠠᠰᠠᠭ  ᠤᠨ ᠣᠷᠳᠣᠨ ᠤ ᠠᠵᠢᠯ ᠤᠨ ᠲᠦᠷᠢᠮ ᠪᠤᠯᠤᠨ ᠰᠢᠢᠳᠪᠦᠷᠢᠳᠦ ᠪᠤᠳᠤᠯᠭ᠎ᠠ ᠳᠤᠭᠳᠠᠭᠠᠬᠤ ᠠᠯᠬᠤᠮ ᠲᠠᠷᠠᠭ᠎ᠠ ᠶᠢ ᠲᠡᠬᠦᠯᠳᠡᠷᠵᠢᠬᠦᠯᠵᠦ᠂ ᠠᠯᠪᠠᠨ ᠵᠤᠴᠢᠯᠠᠭ᠎ᠠ᠂ ᠠᠯᠪᠠᠨ ᠤ ᠲᠡᠷᠬᠡ᠂ ᠠᠯᠪᠠᠨ ᠤ ᠬᠡᠷ ᠪᠠᠶᠢᠰᠢᠩ ᠤᠨ ᠬᠠᠮᠢᠶᠠᠷᠤᠯᠳᠠ ᠶᠢ ᠲᠦᠷᠢᠮᠵᠢᠬᠦᠯᠪᠡ᠃ ︽ᠠᠯᠪᠠᠨ  ᠤ ᠭᠤᠷᠪᠠᠨ ᠵᠠᠷᠤᠳᠠᠯ︾ ᠲᠤᠰᠪᠤᠷᠢ 60.2%᠂ 14.4% ᠪᠠ 81.6% ᠪᠠᠷ ᠬᠠᠰᠤᠭᠳᠠᠪᠠ᠃ ᠬᠢᠨᠠᠨ ᠪᠤᠳᠤᠯᠳᠠ᠂ ᠬᠢᠨᠠᠨ ᠪᠠᠶᠢᠴᠠᠭᠠᠬᠤ ᠰᠠᠯᠠᠭ᠎ᠠ ᠮᠦᠴᠢᠷ ᠤᠨ ᠦᠢᠯᠡᠳᠦᠯ  ᠢ ᠬᠦᠢᠴᠡᠳ ᠪᠠᠳᠠᠷᠠᠭᠤᠯᠤᠨ᠂ ᠠᠷᠠᠳ  ᠤᠨ ᠠᠮᠢᠳᠤᠷᠠᠯ  ᠤᠨ ᠬᠦᠷᠢᠶ᠎ᠡ ᠴᠠᠷ᠎ᠠ᠂ ᠭᠤᠤᠯᠳᠠᠯᠭ᠎ᠠ ᠲᠠᠢ ᠲᠦᠷᠦᠯ ᠵᠦᠢᠯ᠂ ᠣᠯᠤᠰ ᠤᠨ ᠦᠮᠴᠢᠯᠡᠯᠳᠦ ᠠᠵᠤ ᠠᠬᠤᠶᠢᠯᠠᠯ ᠳᠤ ᠬᠢᠨᠠᠨ ᠪᠤᠳᠤᠵᠤ ᠬᠢᠨᠠᠯᠳᠠ ᠲᠠᠯᠪᠢᠬᠤ ᠬᠦᠴᠦᠯᠡᠴᠡ ᠪᠠᠨ ᠴᠢᠩᠭᠠᠳᠬᠠᠪᠠ᠃ ᠬᠠᠤᠯᠢ ᠰᠠᠬᠢᠯᠭ᠎ᠠ ᠶᠢ ᠵᠦᠷᠢᠴᠡᠭᠰᠡᠨ ᠠᠵᠢᠯᠯᠠᠭ᠎ᠠ  ᠶᠢ ᠴᠢᠩᠭ᠎ᠠ ᠪᠠᠷ ᠪᠠᠶᠢᠴᠠᠭᠠᠨ ᠰᠢᠢᠳᠪᠦᠷᠢᠯᠡᠵᠤ᠂ 32 ᠬᠡᠷᠡᠭ ᠢ ᠲᠠᠩᠰᠠᠯᠠᠵᠤ᠂ 32 ᠬᠦᠮᠦᠨ ᠳᠤ ᠨᠠᠮ ᠵᠠᠰᠠᠭ ᠤᠨ ᠰᠠᠬᠢᠯᠭ᠎ᠠ ᠵᠦᠷᠢᠴᠡᠭᠰᠡᠨ ᠰᠢᠳᠬᠡᠯ ᠦᠭᠪᠡ᠃ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠳᠡᠬᠦᠨ ᠤ ᠪᠠᠶᠢᠩᠭᠤ ᠶᠢᠨ ᠬᠤᠷᠢᠶᠠᠨ  ᠤ ᠰᠢᠢᠳᠪᠦᠷᠢ ᠶᠢ ᠬᠢᠨᠠᠮᠠᠭᠠᠢ  ᠬᠦᠢᠴᠡᠳᠬᠡᠨ᠂ ᠤᠯᠤᠰ ᠲᠦᠷᠦ  ᠶᠢᠨ ᠵᠦᠪᠯᠡᠯᠬᠡᠨ  ᠤ ᠠᠷᠠᠳᠴᠢᠯᠠᠯ ᠤᠨ ᠬᠢᠨᠠᠯᠳᠠ ᠶᠢ ᠤᠬᠠᠮᠰᠠᠷ  ᠠᠴᠠ ᠪᠠᠨ ᠬᠦᠯᠢᠶᠡᠨ ᠠᠪᠴᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠪᠤᠯᠤᠨ ᠨᠠᠮ ᠪᠦᠯᠦᠭ ᠤᠨ ᠪᠤᠰᠤ ᠬᠦᠮᠦᠰ ᠤᠨ ᠰᠠᠨᠠᠯ  ᠢ ᠦᠷᠬᠡᠨ ᠢᠶᠠᠷ ᠰᠤᠨᠤᠰᠴᠣ᠂ ᠠᠷᠠᠳ ᠤᠨ ᠲᠦᠯᠦᠬᠡᠯᠡᠭᠴᠢᠳ ᠤᠨ ᠰᠠᠨᠠᠯ ᠵᠦᠪᠯᠡᠯᠬᠡ ᠪᠤᠯᠤᠨ ᠤᠯᠤᠰ ᠲᠦᠷᠦ  ᠶᠢᠨ ᠵᠦᠪᠯᠡᠯᠬᠡᠨ  ᠤ ᠬᠡᠰᠢᠬᠦᠳ ᠤᠨ ᠲᠤᠷᠠᠳᠤᠯᠭ᠎ᠠ ᠶᠢ ᠨᠡᠶᠢᠳᠡ126 ᠰᠢᠢᠳᠪᠦᠷᠢᠯᠡᠵᠦ᠂ ᠰᠢᠢᠳᠪᠦᠷᠢᠯᠡᠵᠦ ᠬᠠᠷᠢᠭᠤ ᠲᠤᠰᠬᠠᠭᠰᠠᠨ ᠨᠤᠷᠮ᠎ᠠ ᠨᠢ 100% ᠳᠤ ᠬᠦᠷᠪᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠲᠦᠷᠢᠮ ᠤᠨ ᠦᠬᠡᠷᠡᠴᠢᠯᠡᠯᠳᠡ ᠶᠢ ᠡᠷᠴᠢᠮᠳᠡᠢ ᠬᠦᠨᠵᠡᠬᠡᠶᠢᠷᠡᠬᠦᠯᠵᠦ᠂ ᠪᠦᠬᠦ ᠬᠤᠰᠢᠭᠤᠨ  ᠤ ᠵᠠᠰᠠᠭ ᠵᠠᠬᠢᠷᠭᠠᠨ  ᠤ ᠬᠢᠨᠠᠨ ᠵᠦᠪᠰᠢᠶᠡᠷᠡᠬᠦ ᠡᠷᠬᠡ ᠶᠢ ᠬᠢᠨᠠᠨ ᠲᠤᠭᠳᠠᠭᠠᠬᠤ ᠠᠵᠢᠯ ᠢ ᠪᠡᠶᠡᠯᠡᠬᠦᠯᠦᠨ᠂ 196 ᠲᠦᠷᠦᠯ  ᠤᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠤᠶᠢᠯ ᠢ ᠦᠯᠡᠳᠡᠬᠡᠬᠦ ᠪᠠᠷ ᠲᠦᠯᠦᠪᠯᠡᠵᠦ᠂ 4 ᠵᠦᠢᠯ ᠢ ᠬᠦᠴᠦᠨ ᠦᠬᠡᠢ ᠪᠤᠯᠭᠠᠵᠤ᠂ 17 ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠳᠠᠢ ᠰᠦᠢᠳᠬᠡᠯ ᠬᠤᠷᠢᠶᠠᠬᠤ ᠲᠦᠷᠦᠯ ᠵᠤᠶᠢᠯ ᠢ ᠲᠦᠷ ᠵᠤᠭᠰᠤᠭᠠᠪᠠ᠃ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢᠨ ᠬᠤᠪᠢᠷᠠᠭᠤᠯᠤᠯᠳᠠ ᠪᠤᠯᠤᠨ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠦᠷᠨᠢᠬᠦᠯᠦᠨ᠂ ᠵᠠᠰᠠᠭ  ᠤᠨ ᠤᠷᠳᠤᠨ ᠤ ᠠᠵᠢᠯ ᠤᠨ ᠰᠠᠯᠠᠭ᠎ᠠ ᠮᠦᠴᠢᠷ ᠤᠤᠯ  ᠳᠠᠭᠠᠨ 28 ᠪᠠᠶᠢᠭᠰᠠᠨ ᠠᠴᠠ ᠪᠠᠨ ᠬᠠᠰᠤᠭᠳᠠᠭᠠᠳ 24 ᠪᠤᠯᠪᠠ ︔ ᠠᠵᠢᠯ ᠦᠢᠯᠡᠰ ᠤᠨ ᠨᠢᠬᠡᠴᠡ ᠶᠢᠨ ᠲᠦᠷᠦᠯ ᠬᠤᠪᠢᠶᠠᠭᠰᠠᠨ ᠦᠬᠡᠷᠡᠴᠢᠯᠡᠯᠳᠡ ᠶᠢ ᠬᠡᠷᠡᠭᠵᠢᠬᠦᠯᠦᠨ᠂ ᠵᠠᠰᠠᠭ ᠤᠨ ᠶᠠᠪᠤᠳᠠᠯ  ᠤᠨ ᠦᠢᠯᠡᠴᠢᠯᠡᠬᠡᠨ  ᠤ ᠲᠦᠪ ᠪᠤᠯᠤᠨ ᠨᠡᠶᠢᠳᠡ ᠶᠢᠨ ᠡᠬᠢ ᠪᠠᠶᠠᠯᠢᠭ ᠢ ᠰᠤᠯᠢᠯᠴᠠᠬᠤ ᠲᠦᠪ ᠪᠠᠶᠢᠭᠤᠯᠤᠭᠳᠠᠵᠤ᠂ ᠵᠠᠰᠠᠭ ᠤᠨ ᠤᠷᠳᠤᠨ ᠤ ᠴᠢᠳᠠᠪᠬᠢ ᠶᠢᠨ ᠬᠤᠪᠢᠷᠠᠭᠤᠯᠤᠯᠳᠠ ᠪᠤᠯᠤᠨ ᠪᠠᠶᠢᠭᠤᠯᠤᠮᠵᠢ  ᠶᠢᠨ ᠦᠬᠡᠷᠡᠴᠢᠯᠡᠯᠳᠡ ᠰᠢᠨ᠎ᠡ ᠠᠬᠢᠴᠠ ᠲᠠᠢ ᠪᠤᠯᠪᠠ᠃ ᠤᠯᠤᠰ ᠤᠨ ᠦᠮᠴᠢᠯᠡᠯᠳᠦ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠬᠡ ᠶᠢ ᠨᠡᠶᠢᠯᠡᠬᠦᠯᠦᠨ᠂ ᠤᠯᠤᠰ ᠤᠨ ᠡᠳ᠋ ᠬᠦᠷᠦᠩᠬᠡ ᠶᠢᠨ ᠪᠦᠯᠦᠭᠯᠡᠯ ᠺᠤᠮᠫᠠᠨᠢ ᠶᠢ ᠪᠠᠶᠢᠭᠤᠯᠪᠠ᠃ ᠡᠳ᠋ ᠤᠨ ᠵᠠᠰᠠᠭ ᠭᠠᠶᠢᠯᠢ  ᠶᠢᠨ ᠶᠠᠪᠤᠳᠠᠯ  ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠨᠡᠬᠦᠷᠡᠰᠦᠨ  ᠤ ᠡᠬᠢ ᠪᠠᠶᠠᠯᠢᠭ ᠤᠨ ᠭᠠᠶᠢᠯᠢ  ᠳᠤ ᠦᠨ᠎ᠡ ᠪᠠᠷ ᠲᠠᠳᠠᠪᠤᠷᠢᠯᠠᠬᠤ ᠠᠷᠭ᠎ᠠ ᠠᠪᠴᠤ᠂ ︽ᠡᠵᠡᠩᠨᠡᠯᠳᠡ ᠶᠢᠨ ᠭᠠᠶᠢᠯᠢ  ᠶᠢ ᠦᠷᠳᠡᠭ ᠤᠨ ᠨᠡᠮᠡᠭᠳᠡᠯ ᠭᠠᠶᠢᠯᠢ ᠪᠤᠯᠭᠠᠨ ᠦᠬᠡᠷᠡᠴᠢᠯᠡᠬᠦ︾ ᠠᠵᠢᠯ ᠲᠦᠷᠦᠯ ᠤᠨ ᠲᠤᠷᠰᠢᠯᠳᠠ ᠶᠢᠨ ᠴᠡᠭ ᠤᠨ ᠬᠦᠷᠢᠶ᠎ᠡ ᠬᠡᠪᠴᠢᠶ᠎ᠡ ᠲᠠᠰᠤᠷᠠᠯᠳᠠ ᠦᠬᠡᠢ ᠦᠷᠭᠡᠳᠴᠤ᠂ ᠡᠳ᠋ ᠤᠨ ᠵᠠᠰᠠᠭ  ᠤᠨ ᠲᠦᠰᠦᠪ ᠪᠠ ᠲᠦᠰᠦᠪ  ᠤᠨ ᠪᠤᠳᠤᠯᠳᠠ᠂ ︽ᠠᠯᠪᠠᠨ  ᠤ ᠭᠤᠷᠪᠠᠨ ᠵᠠᠷᠤᠳᠠᠯ︾  ᠢ ᠢᠯᠡ ᠪᠠᠷ ᠨᠡᠶᠢᠳᠡᠯᠡᠪᠡ᠃ ︽ᠵᠠᠰᠠᠭ ᠤᠨ ᠤᠷᠳᠤᠨ ᠨᠡᠶᠢᠬᠡᠮ ᠠᠴᠠ ᠦᠢᠯᠡᠴᠢᠯᠡᠭᠡ ᠬᠤᠳᠠᠯᠳᠤᠨ ᠠᠪᠬᠤ ᠶᠢ ᠬᠡᠷᠡᠭᠵᠢᠬᠦᠯᠬᠦ ᠰᠠᠨᠠᠯ︾  ᠢ ᠲᠤᠭᠳᠠᠭᠠᠵᠤ᠂ ᠵᠠᠰᠠᠭ ᠤᠨ ᠤᠷᠳᠤᠨ ᠤ ᠦᠢᠯᠡᠴᠢᠯᠡᠭᠡ ᠶᠢ ᠵᠠᠬ᠎ᠠ ᠳᠡᠯᠬᠡᠬᠦᠷᠴᠢᠯᠡᠬᠦ ᠦᠬᠡᠷᠡᠴᠢᠯᠡᠯᠳᠡ ᠶᠢᠨ ᠠᠬᠢᠴᠠ ᠲᠦᠷᠭᠡᠳᠪᠡ᠃ ᠠᠯᠪᠠᠨ ᠠᠴᠠ ᠪᠠᠶᠢᠭᠤᠯᠤᠭᠰᠠᠨ ᠡᠮᠨᠡᠯᠬᠡ  ᠶᠢᠨ ᠬᠤᠷᠢᠶᠠᠨ ᠤ ᠦᠬᠡᠷᠡᠴᠢᠯᠡᠯᠳᠡ ᠬᠦᠨᠵᠡᠬᠡᠢ ᠠᠬᠢᠨ᠂ ᠨᠡᠶᠢᠳᠡ ᠶᠢᠨ ᠠᠰᠠᠷᠠᠮᠵᠢ  ᠶᠢᠨ  ᠴᠢᠨᠠᠷ ᠨᠢ ᠠᠩᠬ᠎ᠠ ᠦᠷ᠎ᠡ ᠠᠰᠢᠭ ᠤᠯᠪᠠ᠃ ᠮᠠᠯᠵᠢᠬᠤ ᠲᠠᠷᠢᠶᠠᠯᠠᠬᠤ ᠤᠷᠤᠨ ᠤ ᠬᠡᠷ ᠪᠠᠶᠢᠰᠢᠩ ᠤᠨ ᠭᠠᠵᠠᠷ ᠬᠡᠷᠡᠭᠯᠡᠬᠦ ᠡᠷᠬᠡ᠂ ᠬᠠᠮᠳᠤ  ᠶᠢᠨ ᠪᠦᠳᠦᠬᠡᠨ  ᠪᠠᠶᠢᠭᠤᠯᠤᠯᠳᠠ ᠳᠤ ᠭᠠᠵᠠᠷ ᠬᠡᠷᠡᠭᠯᠡᠬᠦ ᠡᠷᠬᠡ ᠶᠢ ᠨᠤᠳᠠᠯᠠᠨ ᠲᠤᠭᠳᠠᠭᠠᠵᠤ ᠲᠠᠩᠰᠠᠯᠠᠬᠤ ᠪᠤᠯᠤᠨ ᠦᠨᠡᠮᠯᠡᠯ ᠲᠠᠷᠬᠠᠭᠠᠬᠤ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠨᠤᠳᠤᠭ ᠪᠡᠯᠴᠢᠬᠡᠷ ᠤᠨ ᠡᠷᠬᠡ ᠶᠢ ᠲᠤᠭᠳᠠᠭᠠᠨ ᠲᠠᠭᠠᠭᠠᠴᠢᠯᠠᠭᠤᠯᠬᠤ ᠲᠤᠷᠰᠢᠯᠳᠠ ᠶᠢᠨ ᠴᠡᠭ ᠪᠤᠯᠤᠨ ᠬᠦᠳᠡᠭᠡ ᠲᠤᠰᠬᠤᠨ ᠤ ᠭᠠᠵᠠᠷ ᠰᠢᠷᠤᠢ  ᠶᠢᠨ ᠲᠠᠭᠠᠭᠠᠴᠢᠯᠠᠨ ᠡᠵᠡᠩᠨᠡᠬᠦ ᠡᠷᠬᠡ ᠶᠢ ᠲᠤᠭᠳᠠᠭᠠᠨ ᠲᠠᠩᠰᠠᠯᠠᠵᠤ ᠦᠨᠡᠮᠯᠡᠯ ᠲᠠᠷᠬᠠᠭᠠᠬᠤ ᠲᠤᠷᠰᠢᠯᠳᠠ ᠶᠢᠨ ᠠᠵᠢᠯ ᠤᠨ ᠴᠡᠭ  ᠢ ᠡᠬᠢᠯᠡᠬᠦᠯᠪᠡ᠃ ᠤᠯᠠᠨ ᠵᠢᠯ ᠤᠨ ᠴᠦᠬᠦᠷᠡᠰᠢ ᠦᠬᠡᠢ ᠴᠢᠷᠮᠠᠶᠢᠯᠭ᠎ᠠ ᠪᠠᠷ ᠲᠠᠮᠵᠢᠨ᠂ ᠮᠤᠩᠭᠤᠯ ᠤᠯᠤᠰ ᠤᠨ ᠵᠠᠰᠠᠭ  ᠤᠨ ᠤᠷᠳᠤᠨ ᠠᠴᠠ ᠦᠯᠵᠡᠢ — ᠴᠠᠭᠠᠨ ᠳᠡᠯ ᠠᠭᠤᠯᠠ ᠪᠤᠭᠤᠮᠳᠠ ᠨᠡᠭᠡᠭᠡᠬᠦ ᠶᠢ ᠵᠦᠪᠰᠢᠶᠡᠷᠡᠪᠡ᠃ ᠤᠯᠠᠨ ᠲᠠᠯ᠎ᠠ  ᠶᠢᠨ ᠢᠳᠡᠪᠬᠢᠳᠡᠢ ᠴᠢᠷᠮᠠᠶᠢᠯᠭ᠎ᠠ ᠪᠠᠷ᠂ ᠪᠤᠭᠤᠮᠳᠠ ᠨᠡᠭᠡᠭᠡᠬᠦ  ᠶᠠᠪᠤᠳᠠᠯ ᠢ ᠰᠢ ᠶᠢᠨ ᠫᠢᠩ ᠲᠡᠷᠢᠬᠦᠯᠡᠭᠴᠢ ᠪᠤᠯᠤᠨ ᠮᠤᠩᠭᠤᠯ ᠤᠯᠤᠰ  ᠤᠨ ᠶᠡᠷᠦᠩᠬᠡᠶᠢᠯᠡᠭᠴᠢ  ᠶᠢᠨ ᠭᠠᠷ ᠤᠨ ᠦᠰᠦᠭ ᠵᠢᠷᠤᠭᠰᠠᠨ ︽ᠬᠠᠮᠳᠤᠷᠠᠭᠰᠠᠨ ᠢᠯᠡᠷᠬᠡᠶᠢᠯᠡᠯᠳᠡ︾ ᠳᠤ ᠤᠷᠤᠭᠤᠯᠤᠨ᠂ ᠲᠡᠭᠡᠭᠰᠢ ᠮᠡᠳᠡᠬᠦᠯᠵᠦ ᠨᠡᠬᠡᠬᠡᠬᠦ ᠠᠵᠢᠯ ᠰᠢᠨ᠎ᠡ ᠪᠦᠳᠦᠮᠵᠢ ᠤᠯᠪᠠ᠃ ᠪᠤᠭᠤᠮᠳᠠ  ᠶᠢᠨ ᠶᠡᠷᠦᠩᠬᠡᠢ ᠲᠦᠯᠦᠪᠵᠢᠬᠦᠯᠬᠡ ᠶᠢ ᠨᠢᠬᠡᠨᠳᠡ ᠦᠪᠡᠷᠳᠡᠬᠡᠨ ᠵᠠᠰᠠᠬᠤ ᠤᠷᠤᠨ ᠳᠤ ᠬᠢᠨᠠᠨ ᠵᠦᠪᠰᠢᠶᠡᠷᠡᠬᠦᠯᠬᠦ ᠪᠠᠷ ᠮᠡᠳᠡᠬᠦᠯᠵᠦ᠂ ᠤᠷᠴᠢᠨ ᠲᠤᠭᠤᠷᠢᠨ ᠤ ᠨᠦᠯᠦᠬᠡᠨ ᠤ ᠦᠨᠡᠯᠡᠯᠳᠡ  ᠶᠢᠨ ᠠᠵᠢᠯ ᠡᠮᠬᠢ ᠲᠠᠷᠠᠭ᠎ᠠ ᠲᠠᠢ ᠠᠬᠢᠵᠤ᠂ ᠡᠳᠦᠷ ᠲᠤ 1250 ᠪᠤᠰᠤᠭ᠎ᠠ ᠲᠦᠷᠪᠡᠯᠵᠢᠨ ᠮᠧᠲᠷ ᠣᠰᠣ ᠭᠠᠷᠬᠤ ᠰᠢᠬᠠᠭᠤᠷ ᠬᠤᠳᠳᠤᠭ ᠢ ᠠᠮᠵᠢᠯᠳᠠ ᠲᠠᠢ ᠦᠷᠦᠮᠳᠡᠨ᠂ ᠪᠤᠭᠤᠮᠳᠠ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠪᠡ᠃ ᠪᠦᠯᠬᠦᠮ ᠪᠠᠶᠢᠭᠤᠯᠤᠨ ᠦᠪᠦᠷ ᠮᠤᠩᠭᠤᠯ ᠭᠤᠸᠠᠩᠳᠦ᠋ᠩ ᠤᠨ ᠰᠢᠨᠵᠢᠯᠡᠭᠡ ᠮᠡᠷᠬᠡᠵᠢᠯ  ᠤᠨ ᠬᠠᠮᠳᠤᠷᠠᠯᠴᠠᠭᠠᠨ ᠤ ᠭᠠᠷᠠᠭ  ᠂  ᠦᠪᠦᠷ ᠮᠤᠩᠭᠤᠯ ᠰᠢᠶᠠᠩᠭᠠᠩ  ᠤᠤᠮᠧᠨ  ᠤ ᠠᠷᠠᠯᠵᠢᠶ᠎ᠠ ᠬᠤᠳᠠᠯᠳᠤᠭᠠᠨ  ᠤ ᠬᠠᠮᠳᠤᠷᠠᠯᠴᠠᠭᠠᠨ  ᠤ ᠭᠠᠷᠠᠭ  ᠪᠤᠯᠤᠨ ᠭᠤᠸᠠᠩᠳᠦ᠋ᠩ  ᠤᠨ ᠰᠤᠯᠢᠯᠴᠠᠭᠠᠨ  ᠤ ᠬᠤᠷᠠᠯ᠂ ᠲᠤᠮᠳᠠᠳᠤ ᠤᠯᠤᠰ ᠤᠨ ᠵᠡᠬᠦᠨ ᠪᠠᠷᠠᠭᠤᠨ ᠤᠷᠤᠨ ᠤ ᠬᠠᠮᠳᠤᠷᠠᠯᠴᠠᠭ᠎ᠠ ᠬᠢᠬᠡᠳ ᠪᠡᠯᠡ ᠤᠷᠤᠭᠤᠯᠬᠤ ᠠᠷᠠᠯᠵᠢᠶᠠᠨ  ᠤ ᠬᠡᠯᠡᠯᠴᠡᠬᠡᠷ  ᠤᠨ ᠬᠤᠷᠠᠯ ᠵᠡᠷᠬᠡ ᠬᠤᠷᠠᠯ ᠴᠤᠭᠯᠠᠭᠠᠨ  ᠳᠤ ᠤᠷᠤᠯᠴᠠᠵᠤ᠂ ᠭᠠᠳᠠᠨ᠎ᠠ ᠤᠷᠤᠨ ᠳᠠᠬᠢ ᠨᠡᠷ᠎ᠡ ᠠᠯᠳᠠᠷᠰᠢᠯ ᠪᠤᠯᠤᠨ ᠨᠦᠯᠦᠬᠡᠯᠡᠬᠦ ᠬᠦᠴᠦᠨ ᠤᠯᠠᠮ ᠨᠢᠬᠡ ᠠᠯᠬᠤᠮ ᠦᠷᠭᠡᠳᠪᠡ᠃ ︵ᠨᠠᠢᠮᠠ︶ ᠠᠷᠠᠳ  ᠤᠨ ᠠᠮᠢᠳᠤᠷᠠᠯ  ᠢ ᠬᠦᠴᠦᠳᠡᠢ ᠪᠠᠳᠤᠯᠠᠨ ᠰᠠᠶᠢᠵᠢᠷᠠᠭᠤᠯᠵᠤ᠂ ᠨᠡᠶᠢᠬᠡᠮ  ᠤᠨ ᠠᠵᠢᠯ ᠦᠢᠯᠡᠰ ᠪᠦᠬᠦ ᠲᠠᠯ᠎ᠠ ᠪᠠᠷ ᠬᠦᠭᠵᠢᠪᠡ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠵᠠᠷᠤᠴᠠᠭᠤᠯᠤᠭᠰᠠᠨ ᠵᠠᠷᠤᠯᠭ᠎ᠠ 21.3 ᠳ᠋ᠦᠩᠰᠢᠭᠤᠷ ᠲᠦᠬᠦᠷᠢᠭ  ᠲᠤ ᠬᠦᠷᠴᠦ᠂ ᠤᠷᠤᠨ ᠨᠤᠳᠤᠭ  ᠤᠨ ᠡᠳ᠋  ᠤᠨ ᠵᠠᠰᠠᠭ  ᠤᠨ ᠶᠡᠷᠦᠩᠬᠡᠢ ᠵᠠᠷᠤᠯᠭ᠎ᠠ  ᠶᠢᠨ 61% ᠶᠢ ᠡᠵᠡᠯᠡᠪᠡ᠃  ︽ᠭᠤᠷᠪᠠ ᠶᠢ ᠲᠤᠰᠬᠤᠨ ᠪᠤᠯᠤᠨ ᠡᠷᠦᠬᠡ  ᠳᠤ ᠬᠦᠷᠬᠡᠬᠦ︾᠂ ᠮᠦᠩᠬᠦᠨ ᠬᠦᠢᠯᠬᠡᠬᠡ ᠪᠠᠷ ᠶᠠᠳᠠᠭᠤ ᠶᠢ ᠲᠡᠳᠬᠦᠵᠦ ᠠᠷᠠᠳ ᠢᠶᠠᠨ ᠪᠠᠶᠠᠵᠢᠭᠤᠯᠬᠤ ᠢᠨᠵᠧᠨᠧᠷᠢᠩ ᠢ ᠪᠦᠬᠦ ᠲᠠᠯ᠎ᠠ ᠪᠠᠷ ᠡᠬᠢᠯᠡᠬᠦᠯᠦᠨ᠂ ᠪᠦᠬᠦᠶᠢᠯᠡ ᠲᠤᠰᠬᠤᠨ ᠢᠶᠠᠷ ᠲᠦᠯᠬᠢᠨ ᠠᠬᠢᠭᠤᠯᠬᠤ ᠵᠡᠷᠬᠡ ᠶᠠᠳᠠᠭᠤ ᠶᠢ ᠲᠡᠳᠬᠦᠬᠦ ᠲᠦᠷᠦᠯ ᠵᠤᠶᠢᠯ  ᠢ ᠦᠷᠬᠦᠯᠵᠢᠯᠡᠨ ᠬᠡᠷᠡᠭᠵᠢᠬᠦᠯᠵᠦ᠂ ᠨᠠᠶᠢᠬᠡᠮ ᠠᠴᠠ ᠬᠠᠪᠰᠤᠷᠤᠨ ᠲᠤᠰᠠᠯᠠᠬᠤ ᠡᠷᠴᠢᠮ  ᠢᠶᠠᠨ ᠴᠢᠩᠭᠠᠷᠠᠭᠤᠯᠤᠨ᠂ 2.1 ᠳ᠋ᠦᠩᠰᠢᠭᠤᠷ ᠲᠦᠬᠦᠷᠢᠭ  ᠤᠨ ᠪᠡᠯᠡ ᠤᠷᠤᠭᠤᠯᠤᠯᠳᠠ ᠶᠢ ᠪᠡᠶᠡᠯᠡᠬᠦᠯᠵᠦ᠂ ᠠᠰᠢᠭ ᠬᠦᠷᠳᠡᠭᠰᠡᠨ ᠡᠷᠦᠬᠡ  ᠶᠢᠨ ᠬᠦᠮᠦᠨ ᠪᠦᠷᠢ ᠳᠤ 3100 ᠲᠦᠬᠦᠷᠢᠭ ᠤᠨ ᠤᠷᠤᠯᠭ᠎ᠠ ᠨᠡᠮᠡᠭᠳᠡᠨ᠂ 3708 ᠬᠦᠮᠦᠨ ᠯᠠᠪᠳᠠᠭᠤᠨ ᠢᠶᠠᠷ ᠶᠠᠳᠠᠭᠤ  ᠠᠴᠠ ᠠᠩᠬᠢᠵᠢᠷᠠᠪᠠ᠃ ᠠᠮᠢ ᠠᠬᠤᠢ  ᠬᠡᠪᠡᠷᠡᠭ ᠤᠷᠤᠨ ᠠᠴᠠ ᠨᠡᠬᠦᠯᠬᠡᠨ ᠰᠢᠯᠵᠢᠬᠦᠯᠵᠦ ᠲᠦᠪᠬᠢᠨᠡᠬᠦᠯᠬᠦ ᠬᠡᠷ ᠪᠠᠶᠢᠰᠢᠩ  ᠢ 391 ᠰᠠᠤᠷᠢ ᠪᠡᠶᠢᠭᠤᠯᠵᠤ᠂ 1460 ᠮᠠᠯᠴᠢᠨ ᠲᠠᠷᠢᠶᠠᠴᠢᠨ ᠠᠰᠢᠭ ᠬᠦᠷᠳᠡᠪᠡ᠃ ᠤᠯᠠᠨ ᠲᠠᠯ᠎ᠠ  ᠠᠴᠠ 4 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠤᠨ᠂ ᠮᠠᠯᠵᠢᠬᠤ ᠲᠠᠷᠢᠶᠠᠯᠠᠬᠤ ᠤᠷᠤᠨ  ᠤ ︽ᠠᠷᠪᠠ ᠶᠢ ᠨᠡᠶᠢᠳᠡᠮ ᠬᠠᠮᠤᠷᠬᠤ︾ ᠢᠨᠵᠧᠨᠧᠷᠢᠩ ᠢ  ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠶᠤᠯᠳᠠᠢ ᠭᠡᠷ ᠪᠠᠶᠢᠰᠢᠩ  ᠢ  ᠵᠠᠰᠠᠨ ᠦᠬᠡᠷᠡᠴᠢᠯᠡᠬᠦ᠂ ᠲᠤᠰᠬᠤᠨ ᠪᠤᠯᠭᠠᠨ ᠳᠤ ᠴᠠᠬᠢᠯᠭᠠᠨ ᠨᠡᠪᠳᠡᠷᠡᠬᠦᠯᠬᠦ ᠵᠢᠴᠢ ᠬᠦᠳᠡᠭᠡ ᠲᠤᠰᠬᠤᠨ ᠤ ᠴᠠᠬᠢᠯᠭᠠᠨ ᠲᠤᠤᠷᠵᠢᠯ ᠢ ᠦᠬᠡᠷᠡᠴᠢᠯᠡᠵᠦ ᠲᠡᠰ ᠲᠡᠪᠰᠢᠬᠦᠯᠬᠦ᠂ ᠷᠠᠳᠢᠤ᠋ ᠲᠧᠯᠸᠢᠰ  ᠢ ᠡᠷᠦᠬᠡ ᠪᠤᠯᠭᠠᠨ  ᠳᠤ ᠨᠡᠪᠳᠡᠷᠡᠬᠦᠯᠬᠦ᠂ ᠭᠠᠴᠠᠭ᠎ᠠ ᠲᠤᠰᠬᠤᠨ ᠤ ᠰᠤᠶᠤᠯ ᠤᠨ ᠠᠵᠢᠯᠯᠠᠭᠠᠨ ᠤ  ᠦᠷᠦᠬᠡ ᠶᠢᠨ ᠪᠦᠳᠦᠬᠡᠨ ᠪᠠᠶᠢᠭᠤᠯᠤᠯᠳᠠ᠂ ᠬᠦᠳᠡᠭᠡ ᠲᠤᠰᠬᠤᠨ ᠮᠠᠯᠵᠢᠬᠤ ᠤᠷᠤᠨ  ᠤ ᠨᠡᠶᠢᠬᠡᠮ  ᠤᠨ ᠪᠠᠳᠤᠯᠠᠭ᠎ᠠ ᠵᠡᠷᠬᠡ 5 ᠲᠦᠷᠦᠯ  ᠤᠨ ᠢᠨᠵᠧᠨᠧᠷᠢᠩ  ᠨᠢᠬᠡᠨᠳᠡ ᠨᠡᠶᠢᠳᠡᠮ ᠬᠠᠮᠤᠷᠴᠤ᠂ 20 ᠭᠠᠴᠠᠭ᠎ᠠ ᠲᠤᠰᠬᠤᠨ ᠨᠢᠬᠡᠨᠳᠡ ︽ᠠᠷᠪᠠ ᠶᠢ ᠨᠡᠶᠢᠳᠡᠮ ᠬᠠᠮᠤᠷᠬᠤ︾   ᠶᠢ ᠪᠡᠶᠡᠯᠡᠬᠦᠯᠪᠡ᠃ ᠬᠤᠯᠠᠳᠠᠬᠢᠨ  ᠢ ᠲᠤᠭᠳᠠᠭᠠᠭᠴᠢ  ᠬᠤᠷᠢᠶ᠎ᠠ ᠶᠢᠨ ᠮᠠᠯᠴᠢᠨ ᠲᠠᠷᠢᠶᠠᠴᠢᠨ  ᠤ ᠦᠢᠯᠡᠰ ᠪᠤᠰᠬᠠᠬᠤ ᠬᠤᠳᠠ ᠶᠢ ᠪᠦᠳᠦᠬᠡᠨ ᠪᠠᠶᠢᠭᠤᠯᠵᠤ᠂ 4000 ᠲᠦᠮᠡᠨ ᠲᠦᠬᠦᠷᠢᠭ  ᠤᠨ ᠪᠡᠯᠡ ᠤᠷᠤᠭᠤᠯᠵᠤ ᠪᠠᠶᠠᠨᠬᠤᠳᠠ  ᠶᠢᠨ ᠦᠢᠯᠡᠰ ᠪᠤᠰᠬᠠᠬᠤ ᠬᠦᠷᠢᠶᠡᠯᠡᠩ  ᠤᠨ ᠰᠠᠭᠤᠷᠢ ᠲᠦᠬᠦᠬᠡᠷᠦᠮᠵᠢ  ᠶᠢᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠪᠡ᠃ ᠡᠯ᠎ᠡ ᠲᠦᠷᠦᠯ ᠤᠨ ᠮᠡᠷᠬᠡᠵᠢᠯ ᠪᠤᠯᠤᠨ ᠦᠢᠯᠡᠰ ᠪᠤᠰᠬᠠᠬᠤ ᠪᠤᠯᠪᠠᠰᠤᠷᠠᠯ  ᠢ 23 ᠬᠤᠭᠤᠴᠠᠭ᠎ᠠ ᠡᠷᠬᠢᠯᠡᠨ 1412 ᠬᠦᠮᠦᠨ ᠤᠷᠤᠯᠴᠠᠵᠤ᠂ 4919 ᠲᠦᠮᠡᠨ ᠲᠦᠬᠦᠷᠢᠭ ᠤᠨ ᠪᠠᠭ᠎ᠠ ᠲᠤᠭᠠᠨ ᠤ ᠪᠠᠳᠤᠯᠠᠭᠠᠳᠤ ᠵᠢᠬᠡᠯᠡᠯᠬᠡ ᠶᠢ ᠲᠠᠷᠬᠠᠭᠠᠨ᠂ 272 ᠬᠦᠮᠦᠨ ᠠᠮᠵᠢᠯᠳᠠ ᠲᠠᠢ ᠦᠢᠯᠡᠰ ᠪᠤᠰᠬᠠᠵᠤ᠂ 872 ᠬᠦᠮᠦᠨ  ᠤ ᠠᠵᠢᠯ ᠤᠯᠬᠤ ᠶᠢ ᠲᠠᠶᠢᠴᠢᠯᠠᠪᠠ᠃  ᠮᠠᠯᠵᠢᠬᠤ ᠲᠠᠷᠢᠶᠠᠯᠠᠬᠤ ᠤᠷᠤᠨ  ᠤ 1832 ᠬᠦᠳᠡᠯᠮᠦᠷᠢ ᠬᠦᠴᠦ ᠶᠢ ᠰᠢᠯᠵᠢᠬᠦᠯᠪᠡ᠃ ᠬᠤᠳᠠ ᠪᠠᠯᠭᠠᠰᠤᠨ  ᠤ 1681 ᠬᠦᠮᠦᠨ  ᠳᠤ ᠰᠢᠨ᠎ᠡ ᠪᠠᠷ ᠠᠵᠢᠯ ᠤᠯᠭᠤᠨ᠂ ᠠᠵᠢᠯ ᠲᠠᠢ ᠬᠦᠮᠦᠨ ᠦᠬᠡᠢ ᠬᠡᠷ  ᠪᠦᠯᠢ ᠳᠤ ᠬᠦᠳᠡᠯᠦᠩᠬᠦᠢ  ᠪᠠᠷ ᠠᠵᠢᠯ ᠤᠯᠭᠤᠵᠤ᠂ ᠬᠤᠳᠠ ᠪᠠᠯᠭᠠᠰᠤᠨ ᠤ ᠲᠠᠩᠰᠠᠯᠠᠭᠰᠠᠨ ᠠᠵᠢᠯ ᠠᠯᠳᠠᠭᠰᠠᠨ ᠨᠤᠷᠮ᠎ᠠ ᠶᠢ 3.7% ᠲᠤᠳᠤᠷ᠎ᠠ ᠬᠢᠵᠠᠭᠠᠷᠯᠠᠪᠠ᠃ ᠠᠵᠤ ᠠᠬᠤᠶᠢᠯᠠᠯ  ᠤᠨ ᠠᠵᠢᠯ  ᠠᠴᠠ ᠠᠮᠠᠷᠠᠭᠰᠠᠳ  ᠤᠨ ᠨᠠᠰᠤᠵᠢᠯ  ᠤᠨ ᠮᠦᠩᠬᠦ ᠶᠢ ᠰᠠᠷ᠎ᠠ ᠪᠤᠯᠭᠠᠨ ᠬᠦᠮᠦᠨ ᠪᠦᠷᠢ ᠳᠤ 172 ᠲᠦᠬᠦᠷᠢᠭ ᠨᠡᠮᠡᠭᠳᠡᠬᠦᠯᠪᠡ᠃ ᠡᠮ ᠡᠮᠨᠡᠯᠬᠡ᠂  ᠬᠦᠩᠬᠡᠵᠢᠯ᠂ ᠠᠵᠢᠯ  ᠠᠯᠳᠠᠯᠳᠠ  ᠶᠢᠨ ᠲᠠᠭᠠᠳᠬᠠᠯ  ᠤᠨ ᠨᠦᠬᠦᠪᠦᠷᠢ  ᠶᠢᠨ ᠪᠠᠷᠢᠮᠵᠢᠶ᠎ᠠ ᠶᠢ ᠤᠯᠠᠮ ᠨᠢᠬᠡ ᠠᠯᠬᠤᠮ ᠲᠡᠭᠡᠭᠰᠢᠯᠡᠬᠦᠯᠵᠦ᠂  ᠨᠠᠶᠢᠳᠡ  ᠶᠢᠨ ᠠᠰᠠᠷᠠᠮᠵᠢ  ᠶᠢᠨ ᠴᠢᠨᠠᠷᠳᠠᠢ ᠤᠷᠤᠨ ᠪᠠᠶᠢᠷᠢ  ᠶᠢᠨ ᠬᠦᠮᠦᠰ ᠢ ᠰᠠᠨᠠᠭᠠᠨ  ᠳᠤ ᠦᠬᠡᠢ ᠬᠡᠮᠳᠦᠯ  ᠤᠨ ᠲᠠᠭᠠᠳᠬᠠᠯ  ᠳᠤ ᠤᠷᠤᠭᠤᠯᠪᠠ᠃ ᠶᠠᠳᠠᠭᠤ ᠬᠦᠴᠢᠷᠳᠡᠯᠳᠡᠢ ᠤᠯᠠᠨ ᠲᠦᠮᠡᠨ  ᠢ ᠢᠳᠡᠪᠬᠢᠳᠡᠢ ᠬᠠᠪᠰᠤᠷᠤᠨ ᠲᠡᠮᠵᠢᠵᠦ᠂ ᠬᠤᠳᠠ ᠪᠠᠯᠭᠠᠰᠤᠨ  ᠤ ᠲᠤᠤᠷ᠎ᠠ ᠪᠠᠳᠤᠯᠠᠭᠠᠨ  ᠤ ᠪᠠᠷᠢᠮᠵᠢᠶ᠎ᠠ ᠶᠢ ᠬᠦᠮᠦᠨ ᠪᠦᠷᠢ  ᠳᠤ ᠰᠠᠷ᠎ᠠ ᠪᠤᠯᠭᠠᠨ 41 ᠲᠦᠬᠦᠷᠢᠭ  ᠨᠡᠮᠡᠭᠳᠡᠬᠦᠯᠵᠦ᠂ ᠮᠠᠯᠵᠢᠬᠤ ᠲᠠᠷᠢᠶᠠᠯᠠᠬᠤ ᠤᠷᠤᠨ  ᠤ ᠲᠤᠤᠷ᠎ᠠ ᠪᠠᠳᠤᠯᠠᠭᠠᠨ  ᠤ ᠪᠠᠷᠢᠮᠵᠢᠶ᠎ᠠ ᠶᠢ ᠬᠦᠮᠦᠨ ᠪᠦᠷᠢ  ᠳᠤ ᠰᠠᠷ᠎ᠠ ᠪᠤᠯᠭᠠᠨ 144 ᠲᠦᠬᠦᠷᠢᠭ  ᠨᠡᠮᠡᠭᠳᠡᠬᠦᠯᠦᠨ᠂ 11626 ᠡᠷᠦᠬᠡ  ᠶᠢᠨ ᠲᠤᠤᠷ᠎ᠠ ᠤᠷᠤᠯᠭ᠎ᠠ  ᠲᠠᠢ ᠮᠠᠯᠴᠢᠨ ᠲᠡᠷᠢᠶᠠᠴᠢᠨ  ᠳᠤ 698 ᠲᠦᠮᠡᠨ ᠲᠦᠬᠦᠷᠢᠭ  ᠤᠨ ᠡᠪᠦᠯ  ᠤᠨ ᠲᠤᠯᠠᠭᠠᠯᠭ᠎ᠠ ᠶᠢᠨ ᠨᠦᠬᠦᠪᠦᠷᠢ ᠶᠢ ᠲᠡᠷᠬᠠᠭᠠᠵᠤ᠂ 730 ᠨᠡᠷᠡᠰ ᠶᠠᠳᠠᠭᠤ ᠬᠦᠴᠢᠷᠳᠡᠯᠳᠡᠢ ᠤᠶᠤᠳᠠᠳ  ᠲᠤ 426.8 ᠲᠦᠮᠡᠨ ᠲᠦᠬᠦᠷᠢᠭ  ᠤᠨ ᠰᠤᠷᠤᠯᠭ᠎ᠠ ᠲᠡᠳᠬᠦᠬᠦ ᠮᠦᠩᠬᠦ ᠲᠠᠷᠬᠠᠭᠠᠵᠤ᠂ 1.5 ᠲᠦᠮᠡ ᠭᠠᠷᠤᠢ ᠭᠠᠮᠰᠢᠭ  ᠲᠤ ᠤᠴᠠᠷᠠᠭᠰᠠᠨ ᠤᠯᠠᠨ ᠲᠦᠮᠡᠨ  ᠳᠤ 709 ᠲᠦᠮᠡᠨ ᠲᠦᠬᠦᠷᠢᠭ  ᠤᠨ ᠭᠠᠮᠰᠢᠭ  ᠠᠴᠠ ᠠᠪᠤᠷᠠᠬᠤ  ᠵᠤᠭᠤᠰ  ᠢ ᠲᠠᠷᠬᠠᠭᠠᠪᠠ᠃ 108 ᠰᠠᠤᠷᠢ ᠬᠢᠮᠳᠠ ᠲᠤᠬᠢᠯᠢᠭ ᠤᠷᠤᠨ ᠰᠠᠭᠤᠴᠠ ᠶᠢ  ᠬᠡᠷᠡᠭᠯᠡᠬᠡᠨ  ᠳᠤ  ᠤᠷᠤᠭᠤᠯᠵᠤ᠂ ᠡᠯ᠎ᠡ ᠲᠦᠷᠦᠯ  ᠤᠨ ᠪᠠᠳᠤᠯᠠᠭᠠᠨ  ᠤ ᠴᠢᠨᠠᠷᠳᠠᠢ ᠤᠷᠤᠨ ᠰᠠᠭᠤᠴᠠ ᠶᠢ 424 ᠰᠠᠤᠷᠢ ᠪᠠᠶᠢᠭᠤᠯᠬᠤ ᠠᠵᠢᠯ   ᠢᠶᠠᠨ  ᠡᠬᠢᠯᠡᠬᠦᠯᠪᠡ᠃  ᠪᠠᠶᠢᠭᠠᠯᠢ  ᠶᠢᠨ ᠰᠢᠳᠠᠮᠠᠬᠠᠢ ᠬᠡᠢ  ᠶᠢᠨ ᠰᠢᠳᠠᠭᠠᠯᠭᠠᠳᠤ  6  ᠨᠡᠶᠢᠳᠡ  ᠶᠢᠨ ᠮᠠᠰᠢᠨ ᠲᠡᠷᠭᠡ ᠶᠢ ᠰᠢᠨ᠎ᠡ ᠪᠠᠷ ᠨᠡᠮᠡᠭᠳᠡᠬᠦᠯᠵᠦ᠂ ᠪᠠᠶᠠᠨᠬᠦ᠋ᠳᠡᠭᠡ᠂ ᠬᠡᠶᠢᠳᠦ ᠤᠩᠭᠤᠴᠠᠨ  ᠤ ᠰᠠᠭᠤᠷᠢᠨ ᠭᠠᠵᠠᠷ᠂ ᠠᠵᠢᠯ  ᠤᠨ ᠬᠡᠷᠡᠭᠯᠡᠬᠡᠨ  ᠤ ᠨᠢᠰᠬᠡᠯ  ᠤᠨ ᠪᠠᠭᠤᠳᠠᠯ ᠬᠦᠷᠬᠦ ᠨᠠᠶᠢᠳᠡ  ᠶᠢᠨ ᠮᠠᠰᠢᠨ ᠲᠡᠷᠬᠡᠨ  ᠤ ᠲᠤᠰᠬᠠᠢ ᠱᠤᠭᠤᠮ  ᠢ ᠨᠡᠪᠳᠡᠷᠡᠬᠦᠯᠵᠦ᠂  ᠨᠠᠶᠢᠳᠡ  ᠶᠢᠨ ᠮᠠᠰᠢᠨ  ᠤ ᠵᠠᠮ ᠱᠤᠭᠤᠮ ᠨᠡᠮᠡᠭᠳᠡᠭᠡᠳ 8 ᠵᠤᠷᠪᠤᠰ  ᠪᠤᠯᠪᠠ᠃ 4000 ᠲᠦᠮᠡᠨ ᠲᠦᠬᠦᠷᠢᠭ  ᠤᠨ ᠪᠡᠯᠡ ᠤᠷᠤᠭᠤᠯᠤᠨ ᠪᠦᠬᠦ ᠠᠶᠢᠮᠠᠭ  ᠤᠨ ᠠᠩᠬᠳᠠᠭᠴᠢ ᠨᠡᠶᠢᠳᠡ  ᠶᠢᠨ ᠪᠠᠷᠢᠯᠭ᠎ᠠ  ᠶᠢᠨ ᠲᠠᠬᠢᠯᠳᠠᠳᠤ ᠡᠨᠧᠷᠬᠢ  ᠶᠢᠨ ᠵᠢᠱᠢᠶ᠎ᠡ ᠦᠵᠡᠬᠦᠯᠬᠦ ᠲᠦᠷᠦᠯ ᠵᠤᠶᠢᠯ  ᠢ ᠪᠠᠶᠢᠭᠤᠯᠪᠠ︔1830 ᠲᠦᠮᠡᠨ ᠲᠦᠬᠦᠷᠢᠭ  ᠤᠨ ᠪᠡᠯᠡ ᠤᠷᠤᠭᠤᠯᠤᠨ ᠪᠤᠶᠢᠳᠠ ᠪᠦᠭᠯᠡᠬᠦᠦ ᠭᠠᠵᠠᠷ ᠤᠷᠤᠨ  ᠤ ᠮᠠᠯᠴᠢᠨ ᠲᠠᠷᠢᠶᠠᠴᠢᠨ  ᠳᠤ 165 ᠢᠵᠢ  ᠨᠠᠷᠠᠨ  ᠤ ᠡᠨᠧᠷᠬᠢ ᠪᠠᠷ ᠴᠠᠬᠢᠯᠭᠠᠨ ᠭᠠᠷᠭᠠᠬᠤ ᠲᠦᠬᠦᠬᠡᠷᠦᠮᠵᠢ᠂ 1446 ᠢᠵᠢ ᠨᠠᠷᠠᠨ ᠡᠨᠧᠷᠬᠢ  ᠶᠢᠨ ᠵᠠᠮ  ᠤᠨ ᠳ᠋ᠧᠩ ᠤᠭᠰᠠᠷᠴᠤ᠂  ᠵᠠᠬ᠎ᠠ ᠬᠢᠵᠠᠭᠠᠷ ᠤᠷᠤᠨ  ᠤ ᠮᠠᠯᠴᠢᠨ ᠲᠠᠷᠢᠶᠠᠴᠢᠨ  ᠤ ᠴᠠᠬᠢᠯᠭᠠᠨ ᠬᠡᠷᠡᠭᠯᠡᠬᠦ ᠴᠢᠨᠠᠷ ᠴᠢᠨᠰᠠᠭ᠎ᠠ ᠶᠢ ᠪᠦᠳᠦᠮᠵᠢᠳᠠᠢ ᠰᠠᠶᠢᠵᠢᠷᠠᠭᠤᠯᠪᠠ᠃  ᠪᠦᠬᠦ ᠤᠷᠤᠨ  ᠤ ᠠᠩᠬᠠᠨ ᠤ ᠪᠡᠬᠡᠵᠢᠩ ᠦᠪᠦᠷ ᠮᠤᠩᠭᠤᠯ  ᠤᠨ ᠰᠢᠨᠵᠢᠯᠡᠭᠡ ᠮᠡᠷᠬᠡᠵᠢᠯ  ᠤᠨ ᠬᠠᠮᠳᠤᠷᠠᠯᠴᠠᠭᠠᠨ  ᠤ ᠬᠤᠰᠢᠭᠤ ᠰᠢᠶᠠᠨ  ᠤ ᠲᠡᠰ  ᠤᠨ ᠠᠵᠢᠯᠯᠠᠬᠤ ᠦᠷᠳᠡᠭᠡ ᠮᠠᠨ  ᠤ ᠬᠤᠰᠢᠭᠤᠨ  ᠳᠤ ᠪᠠᠶᠢᠭᠤᠯᠤᠭᠳᠠᠪᠠ᠃ ᠰᠤᠷᠭᠠᠨ ᠬᠦᠮᠦᠵᠢᠯ  ᠢ ᠡᠩ ᠲᠡᠷᠢᠬᠦᠨ  ᠳᠤ ᠬᠦᠭᠵᠢᠬᠦᠯᠬᠦ ᠶᠢ ᠪᠠᠷᠢᠮᠳᠠᠯᠠᠨ᠂ 7 ᠬᠡᠤᠬᠡᠳ  ᠤᠨ ᠴᠡᠴᠡᠷᠯᠢᠭ᠂ 4 ᠲᠤᠮᠳᠠᠳᠤ ᠪᠠᠭ᠎ᠠ ᠰᠤᠷᠭᠠᠭᠤᠯᠢ  ᠶᠢᠨ ᠲᠠᠮᠢᠷ  ᠤᠨ ᠬᠦᠳᠡᠯᠬᠡᠬᠡᠨ  ᠤ ᠭᠡᠷ᠂ 2 ᠰᠠᠤᠷᠢ  ᠪᠠᠭᠰᠢ  ᠶᠢᠨ  ᠪᠠᠶᠢᠷᠢ ᠶᠢᠨ ᠠᠰᠠᠷ ᠢ ᠰᠢᠨ᠎ᠡ ᠪᠠᠷ ᠪᠤᠶᠤ ᠦᠷᠬᠦᠯᠵᠢᠯᠡᠨ ᠪᠠᠶᠢᠭᠤᠯᠪᠠ᠃ 96 ᠨᠡᠷᠡᠰ ᠪᠠᠭᠰᠢ  ᠶᠢ ᠢᠯᠡ ᠪᠠᠷ ᠡᠯᠰᠡᠨ᠂ ᠨᠡᠶᠢᠬᠡᠮ  ᠠᠴᠠ112  ᠰᠤᠷᠭᠠᠭᠤᠯᠢ  ᠶᠢᠨ ᠬᠦᠷᠢᠶᠡᠨ  ᠤ  ᠠᠮᠤᠷ  ᠢ ᠬᠠᠮᠠᠭᠠᠯᠠᠭᠴᠢ ᠶᠢᠨ ᠠᠵᠢᠯ  ᠤᠨ ᠪᠠᠶᠢᠷᠢ ᠶᠢ  ᠬᠤᠳᠠᠯᠳᠤᠨ ᠠᠪᠴᠤ ᠬᠡᠷᠡᠭᠯᠡᠪᠡ᠃ ᠮᠠᠯᠵᠢᠬᠤ ᠲᠡᠷᠢᠶᠠᠯᠠᠬᠤ ᠤᠷᠤᠨ  ᠤ 6 ᠰᠤᠶᠤᠯ  ᠤᠨ ᠲᠤᠭᠯᠠᠯᠳᠠ  ᠶᠢᠨ ᠲᠠᠶᠢᠰᠠ ᠶᠢ ᠪᠠᠶᠢᠭᠤᠯᠵᠤ᠂ 108 ᠭᠠᠴᠠᠭ᠎ᠠ ᠲᠤᠰᠬᠤᠨ  ᠤ ᠰᠤᠶᠤᠯ  ᠤᠨ ᠠᠵᠢᠯᠯᠠᠭᠠᠨ ᠤ ᠬᠡᠷ   ᠤᠨ ᠲᠦᠬᠦᠬᠡᠷᠦᠮᠵᠢ ᠶᠢ  ᠲᠡᠬᠦᠯᠳᠡᠷᠵᠢᠬᠦᠯᠦᠨ᠂ 4 ᠰᠤᠮᠤ ᠪᠠᠯᠭᠠᠰᠤᠨ  ᠤ ᠪᠠᠭ᠎ᠠ ᠬᠡᠯᠪᠡᠷᠢ  ᠶᠢᠨ ᠪᠡᠶ᠎ᠡ  ᠶᠢᠨ ᠲᠠᠮᠢᠷ ᠪᠡᠶ᠎ᠡ ᠴᠢᠬᠢᠷᠠᠭᠵᠢᠭᠤᠯᠬᠤ ᠲᠦᠪ  ᠢ ᠰᠢᠨ᠎ᠡ ᠪᠠᠷ ᠪᠠᠶᠢᠭᠤᠯᠤᠨ᠂ ᠤᠯᠠᠨ ᠲᠦᠮᠡᠨᠴᠢ ᠴᠢᠨᠠᠷᠳᠠᠢ ᠰᠤᠶᠤᠯ ᠲᠠᠮᠢᠷ  ᠤᠨ ᠬᠦᠳᠡᠯᠬᠡᠬᠡᠨ ᠦᠷᠨᠢᠩᠬᠦᠢ ᠶᠠᠪᠤᠭᠳᠠᠪᠠ᠃  ︽ᠰᠠᠪᠠᠷᠳᠠᠩ︾ ᠪᠦᠵᠢᠭ ᠨᠢ ᠦᠪᠡᠷᠳᠡᠬᠡᠨ ᠵᠠᠰᠠᠬᠤ ᠤᠷᠤᠨ  ᠤ ︽ᠲᠠᠪᠤᠨ ᠨᠢᠬᠡ︾ ᠢᠨᠵᠧᠨᠧᠷᠢᠩ  ᠤᠨ ᠱᠠᠩᠨᠠᠯ  ᠢ ᠬᠦᠷᠳᠡᠵᠦ᠂  ᠦᠨᠳᠦᠰᠦᠳᠡᠨ  ᠤ ᠲᠠᠭᠤᠤ ᠬᠦᠭᠵᠢᠮᠳᠦ ᠵᠦᠴᠦᠬᠡ ︽ᠠᠯᠠᠱᠠ ᠲᠤᠮᠤᠭ︾  ᠢ ᠪᠦᠬᠦ ᠤᠯᠤᠰ  ᠤᠨ10 ᠬᠤᠳᠠ ᠪᠠᠷ ᠲᠤᠭᠤᠷᠢᠨ ᠲᠤᠭᠯᠠᠵᠤ᠂ ︽ᠠᠯᠠᠱᠠ ᠴᠢᠯᠠᠭᠤᠨ ᠬᠦᠭᠵᠢᠮᠳᠡᠬᠦᠷ  ᠤᠨ ᠲᠠᠭᠤᠤ ᠬᠦᠭᠵᠢᠮ  ᠤᠨ ᠦᠳᠡᠰᠢᠯᠡᠭᠡ︾ ᠶᠢ ᠱᠧᠨᠵᠧᠨ ᠬᠤᠳᠠ ᠳᠤ ᠲᠤᠭᠯᠠᠨ ᠦᠵᠡᠬᠦᠯᠪᠡ᠃ ᠬᠢᠳᠡᠳ ᠮᠤᠩᠭᠤᠯ ᠡᠮ ᠡᠮᠨᠡᠯᠬᠡ ᠶᠢᠨ ᠬᠦᠭᠵᠢᠯᠳᠡ ᠶᠢᠨ ᠳᠡᠮᠵᠢᠯᠬᠡ ᠶᠢ ᠬᠡᠷᠡᠭᠵᠢᠬᠦᠯᠬᠦ ᠰᠠᠨᠠᠯ  ᠢ  ᠨᠡᠶᠢᠳᠡᠯᠡᠨ᠂ ᠬᠢᠳᠡᠳ ᠮᠤᠩᠭᠤᠯ ᠡᠮᠨᠡᠯᠬᠡ  ᠶᠢᠨ ᠬᠤᠷᠢᠶᠠᠨ  ᠤ ᠶᠡᠷᠦᠩᠬᠡᠶᠢᠯᠡᠭᠰᠡᠨ ᠠᠵᠢᠯ ᠤᠨ ᠠᠰᠠᠷ  ᠢ  ᠦᠬᠡᠷᠡᠴᠢᠯᠡᠨ ᠪᠠᠶᠢᠭᠤᠯᠬᠤ ᠢᠨᠵᠧᠨᠧᠷᠢᠩ ᠤᠷᠤᠭᠰᠢᠳᠠᠢ ᠠᠬᠢᠪᠠ  ᠃ ᠲᠦᠬᠦᠮ ᠵᠡᠷᠬᠡ 5 ᠦᠨᠳᠦᠰᠦᠨ ᠱᠠᠳᠤᠨ  ᠤ ᠡᠷᠡᠬᠦᠯ ᠬᠠᠮᠠᠭᠠᠯᠠᠯ  ᠤᠨ ᠬᠤᠷᠢᠶ᠎ᠠ ᠶᠢ ᠰᠢᠨ᠎ᠡ ᠪᠠᠷ ᠪᠠᠶᠢᠭᠤᠯᠤᠨ᠂ 5 ᠰᠤᠮᠤ ᠪᠠᠯᠭᠠᠰᠤᠨ  ᠤ ᠪᠠᠴᠢᠮ ᠠᠪᠤᠷᠠᠯᠳᠠ  ᠶᠢᠨ ᠦᠷᠳᠡᠭᠡ ᠶᠢ ᠪᠠᠶᠢᠭᠤᠯᠵᠤ᠂ 5 ᠦᠨᠳᠦᠷ ᠪᠠᠷᠢᠮᠵᠢᠶ᠎ᠠ ᠲᠠᠢ ᠪᠠᠴᠢᠮ ᠠᠪᠤᠷᠠᠯᠳᠠ  ᠶᠢᠨ ᠲᠡᠷᠬᠡ ᠶᠢ ᠬᠤᠳᠠᠯᠳᠤᠨ ᠠᠪᠤᠪᠠ᠃  ︽ᠨᠢᠬᠡ ᠴᠤᠮᠤ ᠰᠦ︾ ᠬᠦᠩᠬᠡᠵᠢᠯ  ᠢ ᠬᠠᠯᠠᠮᠵᠢᠯᠠᠬᠤ ᠲᠦᠷᠦ  ᠶᠢᠨ ᠪᠤᠳᠤᠯᠭ᠎ᠠ ᠨᠢ ᠠᠳᠠᠯᠢ ᠲᠡᠭᠰᠢ ᠪᠤᠯᠵᠤ  ᠨᠡᠶᠢᠳᠡᠮ ᠬᠠᠮᠤᠷᠪᠠ᠃ ᠰᠡᠷᠡᠯᠵᠢᠨ ᠲᠤᠤᠷ  ᠤᠨ ᠬᠠᠮᠢᠶᠠᠷᠤᠯᠳᠠ  ᠶᠢᠨ ᠬᠡᠯᠪᠡᠷᠢ ᠶᠢ ᠭᠡᠷᠡᠭᠯᠡᠨ᠂  ᠰᠤᠷᠭᠠᠨ ᠬᠦᠮᠦᠵᠢᠯ᠂ ᠡᠮ ᠡᠮᠨᠡᠯᠬᠡ᠂ ᠲᠦᠯᠦᠪᠯᠡᠬᠡᠳᠦ ᠬᠦᠩᠬᠡᠵᠢᠯ᠂ ᠠᠵᠢᠯ ᠤᠯᠭᠤᠯᠳᠠ᠂ ᠨᠡᠶᠢᠬᠡᠮ  ᠤᠨ ᠪᠠᠳᠤᠯᠠᠭ᠎ᠠ ᠵᠡᠷᠬᠡ 16 ᠲᠦᠷᠦᠯ 70 ᠵᠦᠢᠯ  ᠤᠨ ᠨᠡᠶᠢᠳᠡ  ᠶᠢᠨ ᠦᠢᠯᠡᠴᠢᠯᠡᠭᠡ ᠶᠢ ᠨᠡᠶᠢᠬᠡᠮ ᠲᠤᠭᠤᠷᠢᠭ ᠲᠤ ᠤᠷᠤᠭᠤᠯᠪᠠ᠃《 ᠵᠢᠷᠭᠤᠳᠤᠭᠠᠷ ᠲᠠᠪᠤᠨ ᠵᠢᠯ》 ᠤᠨ ᠬᠠᠤᠯᠢ ᠲᠦᠬᠡᠮᠡᠯᠵᠢᠬᠦᠯᠬᠦ ᠠᠵᠢᠯ  ᠢ ᠯᠠᠪᠳᠠᠭᠤᠨ ᠪᠠᠳᠤᠳᠠᠢ ᠦᠷᠨᠢᠬᠦᠯᠦᠨ᠂ ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠪᠠᠳᠤᠯᠠᠬᠤ ᠪᠤᠯᠤᠨ ᠨᠡᠶᠢᠬᠡᠮ  ᠤᠨ ᠵᠦᠷᠢᠴᠡᠯ ᠵᠢᠭᠤᠷᠠᠯᠳᠤᠭᠠᠨ ᠢ ᠪᠠᠶᠢᠴᠠᠭᠠᠨ ᠡᠶᠡᠳᠡᠬᠦᠯᠬᠦ ᠠᠵᠢᠯ  ᠢ ᠢᠳᠡᠪᠬᠢᠳᠡᠢ ᠦᠷᠨᠢᠬᠦᠯᠪᠡ᠃ ︽ᠠᠮᠤᠭᠤᠯᠠᠩ ᠠᠯᠠᠱᠠ︾  ᠶᠢᠨ ᠪᠦᠳᠦᠬᠡᠨ ᠪᠠᠶᠢᠭᠤᠯᠤᠯᠳᠠ ᠬᠦᠨᠵᠡᠬᠡᠢ ᠠᠬᠢᠵᠤ᠂  ᠸᠢᠳᠢᠤ᠋  ᠶᠡᠷᠦᠩᠬᠡᠶᠢᠯᠡᠭᠰᠡᠨ ᠬᠢᠨᠠᠨ ᠡᠵᠡᠮᠰᠢᠬᠦ  ᠰᠢᠰᠲ᠋ᠧᠮ ᠪᠦᠬᠦᠨ  ᠢᠶᠠᠷ ᠬᠡᠷᠡᠭᠯᠡᠯᠳᠡ  ᠳᠤ ᠤᠷᠤᠵᠤ᠂  ︽ᠴᠤᠬᠢᠯᠳᠠ ᠦᠭᠬᠦ ᠰᠡᠷᠬᠡᠶᠢᠯᠡᠬᠦ ᠬᠠᠮᠠᠭᠠᠯᠬᠤ︾   ᠶᠢ ᠨᠢᠬᠡ ᠴᠤᠭᠴᠠᠵᠢᠭᠤᠯᠤᠭᠰᠠᠨ ᠪᠠᠶᠢᠭᠤᠯᠤᠯᠳᠠ ᠤᠯᠠᠮ ᠨᠢᠬᠡ ᠠᠯᠬᠤᠮ ᠲᠡᠬᠦᠯᠳᠡᠷᠵᠢᠪᠡ᠃  ᠡᠯ᠎ᠡ ᠲᠦᠷᠦᠯ  ᠤᠨ ᠬᠠᠤᠯᠢ ᠶᠢ  ᠵᠦᠷᠢᠴᠡᠭᠰᠡᠨ ᠶᠠᠯᠠᠳᠤ ᠠᠵᠢᠯᠯᠠᠭ᠎ᠠ  ᠳᠤ ᠬᠦᠴᠦᠳᠡᠢ ᠴᠤᠬᠢᠯᠳᠠ ᠦᠭᠴᠦ᠂ ᠨᠡᠶᠢᠬᠡᠮ ᠤᠨ ᠲᠤᠭᠳᠠᠭᠤᠨ  ᠤ ᠪᠠᠶᠢᠳᠠᠯ  ᠢ ᠬᠠᠮᠠᠭᠠᠯᠠᠪᠠ᠃ ᠠᠶᠤᠯ ᠦᠬᠡᠢ  ᠦᠢᠯᠡᠳᠪᠦᠷᠢᠯᠡᠯ  ᠤᠨ ᠬᠢᠨᠠᠨ ᠬᠠᠮᠢᠶᠠᠷᠤᠯᠳᠠ ᠪᠤᠯᠤᠨ ᠲᠤᠰᠬᠠᠢ ᠲᠦᠷᠦᠯ  ᠤᠨ  ᠵᠠᠰᠠᠯᠳᠠ ᠶᠢ ᠴᠢᠩᠭᠠᠷᠠᠭᠤᠯᠤᠨ᠂ ᠠᠶᠤᠯ ᠦᠬᠡᠢ ᠦᠢᠯᠡᠳᠪᠦᠷᠢᠯᠡᠯ ᠤᠨ ᠶᠡᠷᠦᠩᠬᠡᠢ ᠪᠠᠶᠢᠳᠠᠯ ᠦᠷᠬᠦᠯᠵᠢᠯᠡᠨ ᠲᠤᠭᠳᠠᠭᠤᠨ ᠪᠠᠶᠢᠵᠤ᠂ ᠡᠯ᠎ᠡ ᠲᠦᠷᠦᠯ  ᠤᠨ ᠠᠮᠤᠷ ᠲᠦᠪᠰᠢᠨ  ᠤ ᠠᠳᠡᠯ ᠠᠳᠠᠯᠢ ᠬᠤᠭᠤᠴᠠᠭᠠᠨ  ᠠᠴᠠ 31.7% ᠪᠠᠷ ᠪᠠᠭᠤᠷᠠᠪᠠ᠃ ᠤᠶᠤᠨ ᠤ ᠪᠤᠯᠪᠠᠰᠤᠨ  ᠤ ᠪᠠᠶᠢᠭᠤᠯᠤᠯᠳᠠ ᠶᠢ ᠬᠦᠨᠵᠡᠬᠡᠶᠢᠷᠡᠬᠦᠯᠵᠦ᠂ ᠮᠠᠨ  ᠤ ᠬᠤᠰᠢᠭᠤ ᠨᠢ ᠪᠦᠬᠦ ᠤᠷᠤᠨ  ᠤ ᠪᠤᠯᠪᠠᠰᠤᠨ ᠬᠤᠳᠠ ︵ᠲᠤᠭᠤᠷᠢᠭ︶  ᠶᠢᠨ ᠨᠡᠷᠡᠰ  ᠤᠨ ᠵᠢᠭᠰᠠᠭᠠᠯᠳᠠ ᠳᠤ 10 ᠳ᠋ᠤᠭᠠᠷ ᠲᠤ ᠪᠠᠶᠢᠭᠰᠠᠨ  ᠠᠴᠠ ᠪᠠᠨ 6 ᠳ᠋ᠤᠭᠠᠷ ᠪᠤᠯᠤᠨ  ᠲᠠᠪᠰᠢᠪᠠ᠃ᠲᠦᠯᠦᠭᠡᠯᠡᠭᠴᠢᠳ ᠡ᠂ ᠦᠩᠬᠡᠷᠡᠭᠰᠡᠨ ᠨᠢᠬᠡ ᠵᠢᠯ  ᠳᠤ᠂ ᠡᠬᠡᠳᠡᠷᠡᠬᠡᠨ ᠪᠤᠳᠤᠯᠢᠶᠠᠨᠳᠠᠢ ᠠᠵᠤ ᠠᠬᠤᠢ  ᠶᠢᠨ ᠪᠠᠶᠢᠳᠠᠯ ᠪᠤᠯᠤᠨ ᠪᠡᠷᠬᠡ ᠬᠠᠳᠠᠭᠤᠵᠢᠯᠳᠠᠢ ᠬᠦᠭᠵᠢᠯᠳᠡ  ᠶᠢᠨ ᠡᠬᠦᠷᠬᠡ  ᠶᠢᠨ ᠡᠮᠦᠨ᠎ᠡ᠂ ᠪᠢᠳᠡ ᠢᠳᠡᠬᠡᠯ ᠵᠤᠷᠢᠭ  ᠢᠶᠠᠨ ᠬᠦᠪᠴᠢᠯᠡᠨ᠂ ᠬᠦᠴᠢᠷ ᠢ ᠰᠦᠷᠦᠨ ᠤᠷᠤᠭᠰᠢᠯᠡᠵᠤ᠂ ᠬᠦᠴᠦ ᠰᠡᠳᠬᠢᠯ  ᠢᠶᠠᠨ ᠬᠠᠮᠳᠤᠤᠬᠠᠨ᠂ ᠵᠤᠷᠢᠭᠳᠠᠢ ᠪᠠᠷ ᠬᠠᠷᠢᠭᠤᠴᠠᠵᠤ᠂ ᠡᠯ᠎ᠡ ᠵᠦᠢᠯ  ᠤᠨ ᠬᠦᠴᠢᠷ ᠪᠡᠷᠬᠡᠰᠢᠶᠡᠯ ᠪᠤᠯᠤᠨ ᠠᠶᠤᠯ ᠲᠦᠭᠰᠢᠬᠦᠷᠢ  ᠶᠢᠨ ᠰᠢᠯᠭᠠᠯᠳᠠ ᠶᠢ ᠦᠩᠬᠡᠷᠡᠬᠡᠨ᠂ ᠤᠯᠳᠠᠬᠤᠶ᠎ᠠ ᠪᠡᠷᠬᠡ  ᠬᠦᠭᠵᠢᠯᠳᠡ  ᠶᠢᠨ ᠠᠮᠵᠢᠯᠳᠠ ᠪᠦᠳᠦᠮᠵᠢ ᠶᠢ ᠤᠯᠤᠭᠰᠠᠨ ᠶᠤᠮ᠃ ᠡᠨᠡ ᠪᠤᠯ ᠠᠶᠢᠮᠠᠭ  ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠵᠦᠪ ᠤᠨᠤᠪᠴᠢᠳᠠᠢ ᠤᠳᠤᠷᠢᠳᠤᠯᠭ᠎ᠠ ᠵᠢᠨ‌ᠦᠷ᠎ᠡ ᠳ᠋ᠦᠩ᠂ ᠪᠦᠬᠦ ᠬᠤᠰᠢᠭᠤᠨ  ᠤ ᠡᠯ᠎ᠡ ᠦᠨᠳᠦᠰᠦᠳᠡᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠨ᠂ ᠪᠦᠯᠬᠦᠮᠳᠡᠨ ᠴᠢᠷᠮᠠᠶᠢᠭᠰᠠᠨ ᠤ ᠦᠷ᠎ᠡ ᠳ᠋ᠦᠩ᠂ ᠮᠦᠨᠴᠦ ᠨᠡᠶᠢᠬᠡᠮ ᠤᠨ ᠡᠯ᠎ᠡ ᠡᠳᠡᠬᠡᠳ ᠤᠨ ᠬᠢᠨ ᠪᠦᠬᠦ ᠬᠦᠴᠦ ᠪᠠᠷ ᠬᠠᠯᠠᠮᠵᠢᠯᠠᠵᠤ ᠲᠠᠮᠵᠢᠭᠰᠡᠨ ᠤ ᠦᠷ᠎ᠡ ᠳ᠋ᠦᠩ ᠮᠦᠨ᠃ ᠠᠳᠡ ᠪᠢ ᠬᠤᠰᠢᠭᠤᠨ ᠤ ᠠᠷᠠᠳ ᠤᠨ ᠵᠠᠰᠠᠭ  ᠤᠨ ᠤᠷᠳᠤᠨ  ᠢ ᠲᠦᠯᠦᠬᠡᠯᠡᠵᠤ᠂ ᠰᠢᠷᠭᠠᠭᠤ ᠠᠵᠢᠯᠯᠠᠵᠤ ᠪᠠᠶᠢᠭ᠎ᠠ ᠪᠦᠬᠦ ᠬᠤᠰᠢᠭᠤᠨ ᠤ ᠡᠯ᠎ᠡ ᠦᠨᠳᠦᠰᠦᠳᠡᠨ ᠤ ᠺᠠᠳ᠋ᠷ ᠤᠯᠠᠨ ᠲᠦᠮᠡᠨ᠂ ᠠᠷᠠᠳ ᠤᠨ ᠶᠡᠭᠡ ᠬᠤᠷᠠᠯ  ᠤᠨ ᠲᠦᠯᠦᠭᠡᠯᠡᠭᠴᠢᠳ᠂ ᠤᠯᠤᠰ ᠲᠦᠷᠦ  ᠶᠢᠨ ᠵᠦᠪᠯᠡᠯᠬᠡᠨ ᠤ ᠬᠡᠰᠢᠬᠦᠳ᠂ ᠡᠯ᠎ᠡ ᠠᠷᠠᠳᠴᠢᠯᠠᠭᠰᠠᠨ ᠨᠠᠮ ᠪᠦᠯᠦᠭ᠂ ᠠᠷᠠᠳ ᠤᠨ ᠪᠦᠯᠬᠦᠮ ᠤᠳ ᠲᠤ᠂ ᠠᠯᠠᠱᠠ ᠵᠡᠬᠦᠨ ᠬᠤᠰᠢᠭᠤᠨ  ᠤ ᠪᠦᠳᠦᠬᠡᠨ ᠪᠠᠶᠢᠭᠤᠯᠤᠯᠳᠠ ᠪᠠ ᠬᠦᠭᠵᠢᠯᠳᠡ ᠶᠢ ᠬᠠᠯᠠᠮᠵᠢᠯᠠᠨ ᠲᠡᠮᠵᠢᠭᠰᠡᠨ ᠨᠠᠶᠢᠵᠠ ᠨᠦᠬᠦᠳ ᠨᠠᠷ   ᠲᠤ ᠴᠢᠩ ᠰᠡᠳᠬᠢᠯ ᠤᠨ ᠲᠠᠯᠠᠷᠬᠠᠯ ᠪᠤᠯᠤᠨ ᠡᠷᠬᠢᠮ ᠲᠡᠭᠡᠳᠦ ᠮᠡᠨᠳᠦᠴᠢᠯᠡᠯ  ᠢᠶᠠᠨ ᠲᠡᠪᠰᠢᠬᠦᠯᠦᠶ᠎ᠡ︕ᠠᠮᠵᠢᠯᠳᠠ ᠪᠦᠳᠦᠮᠵᠢ ᠪᠠᠨ ᠨᠤᠳᠠᠯᠠᠬᠤ ᠶᠢᠨ ᠬᠠᠮᠲᠤ᠂ ᠪᠢᠳᠠ ᠲᠤᠯᠭᠠᠷᠠᠵᠤ ᠪᠠᠶᠢᠭ᠎ᠠ ᠬᠦᠴᠢᠷᠳᠡᠯ ᠪᠤᠯᠤᠨ ᠣᠷᠣᠰᠢᠵᠤ ᠪᠠᠶᠢᠭ᠎ᠠ ᠠᠰᠠᠭᠤᠳᠠᠯ  ᠢ ᠰᠡᠷᠭᠡᠭ  ᠢᠶᠠᠷ ᠤᠯᠵᠤ ᠲᠠᠨᠢᠭᠰᠠᠨ ᠶᠤᠮ᠃  ᠭᠤᠤᠯ ᠢᠯᠡᠷᠡᠯ ᠨᠢ ᠬᠡᠪᠡᠯ᠂ ᠬᠤᠷᠸ᠎ᠠ ᠠᠵᠤ ᠠᠬᠤᠢ ᠶᠢᠨ ᠨᠦᠯᠦᠬᠡᠯᠡᠯ ᠢᠶᠠᠷ ᠠᠵᠤ ᠠᠬᠤᠢ ᠶᠢᠨ ᠤᠷᠤᠭᠤᠳᠠᠬᠤ ᠲᠠᠷᠤᠭᠠᠰᠤ ᠮᠦᠨ ᠯᠠ ᠨᠡᠯᠢᠶᠡᠳ ᠶᠡᠭᠡ ᠪᠠᠶᠢᠭᠰᠠᠭᠠᠷ  ᠂ ᠵᠠᠬ᠎ᠠ ᠲᠡᠯᠬᠡᠬᠦᠷ ᠤᠨ ᠬᠡᠷᠡᠭᠴᠡᠭᠡ ᠪᠤᠯᠤᠨ ᠠᠵᠤ ᠠᠬᠤᠶᠢᠯᠡᠯ  ᠲᠠᠬᠢᠨ ᠠᠵᠢᠯ ᠡᠬᠢᠯᠡᠬᠦᠯᠬᠦ ᠲᠠᠯ᠎ᠠ ᠪᠠᠷ ᠬᠦᠷᠦᠯᠴᠡᠬᠦ ᠦᠬᠡᠢ ᠪᠠᠶᠢᠵᠤ᠂ ᠦᠢᠯᠡᠳᠪᠦᠷᠢᠯᠡᠯ ᠤᠨ ᠢᠳᠡᠪᠬᠢᠵᠢᠯ ᠦᠨᠳᠦᠷ ᠪᠢᠰᠢ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠯᠳᠠ ᠶᠢᠨ ᠬᠢᠷᠢ ᠲᠦᠪᠰᠢᠨ᠂ ᠲᠤᠯᠤᠭᠠᠶᠢᠯᠠᠭᠴᠢ ᠠᠵᠤ ᠠᠬᠤᠶᠢᠯᠠᠯ  ᠤᠨ ᠵᠢᠱᠢᠶ᠎ᠠ ᠦᠵᠡᠬᠦᠯᠵᠦ ᠲᠠᠶᠢᠴᠢᠯᠠᠨ ᠲᠠᠭᠠᠭᠤᠯᠬᠤ  ᠴᠢᠳᠠᠪᠤᠷᠢ ᠰᠠᠶᠢᠨ ᠪᠢᠰᠢ  ᠂ ᠤᠯᠠᠨ ᠲᠠᠯ᠎ᠠ  ᠠᠴᠠ ᠲᠤᠯᠭᠠᠭᠤᠷᠢᠯᠠᠭᠰᠠᠨ᠂ ᠤᠯᠠᠨ ᠡᠰᠢᠵᠢᠵᠤ ᠬᠦᠭᠵᠢᠭᠰᠡᠨ ᠠᠵᠤ ᠦᠢᠯᠡᠳᠪᠦᠷᠢ ᠶᠢᠨ ᠪᠠᠶᠢᠷᠢᠰᠢᠯ ᠬᠠᠷᠠᠬᠠᠨ ᠲᠦᠯᠦᠪᠰᠢᠷᠡᠭᠡ ᠦᠬᠡᠢ︔ ᠰᠤᠶᠤᠯ ᠵᠢᠭᠤᠯᠴᠢᠯᠠᠯ ᠪᠤᠯᠤᠨ ᠤᠳᠤᠬᠢᠴᠢᠯᠠᠭᠰᠠᠨ ᠦᠢᠯᠡᠴᠢᠯᠡᠬᠡᠨ  ᠤ ᠦᠢᠯᠡᠰ  ᠢ ᠬᠦᠮᠦᠵᠢᠬᠦᠯᠦᠭᠰᠡᠨ ᠢᠶᠠᠷ ᠲᠤᠳᠠᠮᠠᠭ︔ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠲᠦᠬᠦᠬᠡᠷᠦᠮᠵᠢ ᠪᠠᠭᠤᠷᠠᠢ ᠪᠠᠶᠢᠵᠤ᠂ ᠨᠡᠶᠢᠳᠡ ᠶᠢᠨ ᠦᠢᠯᠡᠴᠢᠯᠡᠬᠡᠨ  ᠤ ᠬᠢᠷᠢ ᠲᠦᠪᠰᠢᠨ ᠦᠨᠳᠦᠷ ᠪᠢᠰᠢ︔ ᠪᠦᠷᠬᠡ ᠬᠡᠷ ᠤᠨ ᠤᠷᠤᠨ ᠢ ᠵᠠᠰᠠᠨ ᠦᠬᠡᠷᠡᠴᠢᠯᠡᠬᠦ ᠡᠬᠦᠷᠬᠡ ᠬᠦᠨᠳᠦ᠂ ᠬᠤᠳᠠ ᠬᠦᠳᠡᠬᠡᠨ ᠤ ᠨᠢᠬᠡ ᠴᠤᠭᠴᠠᠵᠢᠭᠤᠯᠤᠭᠰᠠᠨ ᠬᠦᠭᠵᠢᠯᠳᠡ ᠶᠢᠨ ᠡᠬᠦᠷᠬᠡ ᠬᠦᠨᠳᠦ ᠪᠠᠶᠢᠭᠰᠠᠭᠠᠷ᠃ ᠡᠳ᠋  ᠤᠨ ᠵᠠᠰᠠᠭ  ᠤᠨ ᠨᠡᠮᠡᠭᠳᠡᠯ  ᠤᠨ ᠬᠡᠮᠵᠢᠶ᠎ᠡ ᠲᠤᠳᠠᠮᠠᠭ᠂ ᠠᠷᠠᠳ  ᠤᠨ ᠠᠮᠢᠳᠤᠷᠠᠯ  ᠤᠨ ᠪᠠᠳᠤᠯᠠᠭ᠎ᠠ᠂ ᠨᠡᠶᠢᠬᠡᠮ  ᠤᠨ ᠠᠵᠢᠯ ᠦᠢᠯᠡᠰ ᠵᠡᠷᠬᠡ ᠪᠦᠬᠡ ᠵᠠᠷᠤᠯᠭ᠎ᠠ ᠵᠢᠯ  ᠠᠴᠠ ᠵᠢᠯ ᠨᠡᠮᠡᠭᠳᠡᠵᠦ᠂  ᠤᠷᠤᠯᠭ᠎ᠠ ᠵᠠᠷᠤᠯᠭ᠎ᠠ ᠶᠢᠨ ᠵᠦᠷᠢᠴᠡᠯ ᠲᠤᠪᠤᠶᠢᠮ᠎ᠠ︔ ᠤᠷᠴᠢᠨ ᠲᠤᠭᠤᠷᠢᠨ  ᠤ ᠬᠠᠮᠠᠭᠠᠯᠠᠯᠳᠠ᠂ ᠠᠶᠤᠯᠬᠦᠢ ᠦᠢᠯᠡᠳᠪᠦᠷᠢᠯᠡᠯ᠂ ᠠᠭᠤᠷᠬᠠᠢ  ᠶᠢᠨ ᠦᠢᠯᠡᠰ  ᠤᠨ ᠨᠡᠬᠡᠬᠡᠨ ᠠᠰᠢᠭᠯᠠᠯᠳᠠ  ᠵᠡᠷᠬᠡ ᠬᠦᠷᠢᠶ᠎ᠡ ᠴᠡᠷ᠎ᠡ  ᠶᠢᠨ ᠬᠡᠮ ᠠᠷᠬᠠᠭ ᠪᠠᠰᠠ ᠯᠠ ᠤᠷᠤᠰᠢᠭᠰᠠᠭᠠᠷ︔ ᠵᠠᠰᠠᠭ ᠢ ᠴᠤᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ ᠪᠤᠯᠤᠨ ᠵᠠᠰᠠᠭ  ᠤᠨ ᠤᠷᠳᠤᠨ  ᠤ ᠴᠢᠳᠠᠪᠬᠢ ᠶᠢ ᠬᠤᠪᠢᠷᠠᠭᠤᠯᠬᠤ ᠲᠠᠯ᠎ᠠ ᠪᠠᠷ  ᠬᠦᠢᠴᠡᠳ ᠪᠤᠰᠤ᠂ ︽ᠲᠦᠷᠪᠡᠨ ᠰᠤᠷᠳᠠᠯ︾  ᠤᠨ ᠠᠰᠠᠭᠤᠳᠠᠯ ᠨᠢᠬᠡ ᠬᠡᠰᠡᠭ ᠺᠠᠳ᠋ᠷ  ᠤᠨ ᠪᠡᠶ᠎ᠡ ᠲᠡᠭᠡᠷ᠎ᠡ ᠠᠳᠠᠯᠢ ᠪᠤᠰᠤ ᠬᠡᠮᠵᠢᠶ᠎ᠡ ᠪᠠᠷ ᠤᠷᠤᠰᠢᠭᠰᠠᠭᠠᠷ᠃ ᠡᠳᠡᠭᠡᠷ ᠠᠰᠠᠭᠤᠳᠠᠯ  ᠢ ᠪᠢᠳᠡ ᠡᠷᠬᠡᠪᠰᠢ ᠲᠡᠭᠡᠳᠤ ᠬᠡᠮᠵᠢᠶ᠎ᠡ ᠪᠠᠷ  ᠴᠢᠬᠤᠯᠠᠴᠢᠯᠠᠨ ᠦᠵᠡᠵᠦ᠂  ᠢᠮᠠᠭᠳᠠ ᠰᠤᠯᠠᠷᠠᠭᠤᠯᠤᠯ ᠦᠬᠡᠢ ᠴᠢᠩᠭ᠎ᠠ ᠠᠳᠬᠤᠵᠤ  ᠂  ᠤᠳᠠᠭᠠᠨ ᠲᠠᠭᠠᠭᠠᠮᠠᠭᠠᠢ ᠴᠢᠷᠮᠠᠶᠢᠵᠤ᠂  ᠨᠠᠷᠢᠨ ᠬᠢᠨᠠᠮᠠᠭᠠᠢ ᠰᠢᠢᠳᠪᠦᠷᠢᠯᠡᠬᠦ  ᠭᠡᠷᠡᠭᠳᠡᠢ᠃ ᠪᠡᠯᠡᠳᠬᠡᠭᠰᠡᠨ ᠨᠢ᠄ ᠡᠷᠳᠡᠨᠢᠬᠦᠦᠨᠠᠶᠢᠷᠠᠭᠤᠯᠤᠭᠰᠠᠨ ᠨᠢ᠄ ᠨᠠᠮᠤᠷᠬᠢᠨᠠᠭᠰᠠᠨ ᠨᠢ᠄ ᠤᠷᠢᠬᠠᠨ
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号