| ᠬᠤᠶᠠᠷ᠂ 2015 ᠤᠨ ᠤ ᠠᠵᠢᠯ ᠤᠨ ᠪᠠᠶᠢᠷᠢᠯᠠᠭᠤᠯᠤᠯᠳᠠ | ᠡᠨᠡ ᠵᠢᠯ ᠪᠤᠯ ᠦᠬᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠬᠦ ᠵᠠᠩᠬᠢᠯᠠᠭ᠎ᠠ ᠶᠢᠨ ᠤᠨ᠂ ᠬᠠᠤᠯᠢ ᠪᠠᠷ | ᠬᠤᠰᠢᠭᠤ ᠪᠠᠨ ᠵᠠᠰᠠᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠡᠬᠢᠯᠡᠯᠳᠡ ᠶᠢᠨ ᠤᠨ᠂ ᠮᠦᠨᠴᠦ ︽ᠠᠷᠪᠠᠨ | ᠬᠤᠶᠠᠳᠤᠭᠠᠷ︾ ᠲᠠᠪᠤᠨ ᠵᠢᠯ ᠤᠨ ᠲᠦᠯᠦᠪᠵᠢᠬᠦᠯᠬᠡ ᠶᠢ ᠪᠡᠶᠡᠯᠡᠬᠦᠯᠬᠦ ᠡᠴᠦᠰ ᠤᠨ ᠤᠨ ᠪᠤᠯᠤᠨ᠎ᠠ᠃ ᠡᠨᠡ ᠵᠢᠯ | ᠤᠨ ᠡᠯ᠎ᠡ ᠲᠦᠷᠦᠯ ᠤᠨ ᠠᠵᠢᠯ ᠢᠶᠠᠨ ᠰᠠᠶᠢᠳᠤᠷ ᠬᠢᠬᠦ ᠨᠢ ᠲᠤᠶᠢᠯ ᠤᠨ ᠶᠡᠭᠡ ᠠᠴᠢ ᠬᠤᠯᠪᠤᠭᠳᠠᠯ ᠲᠠᠢ ᠶᠤᠮ᠃ | ᠠᠵᠤ ᠠᠬᠤᠢ ᠶᠢᠨ ᠬᠦᠭᠵᠢᠯᠳᠡ ᠰᠢᠨ᠎ᠡ ᠬᠡᠪ ᠤᠨ ᠪᠠᠶᠢᠳᠠᠯ ᠳᠤ ᠤᠷᠤᠵᠤ᠂ ᠬᠤᠷᠸ᠎ᠠ ᠲᠦᠷᠦ ᠶᠢᠨ ᠪᠤᠳᠤᠯᠭ᠎ᠠ᠂ | ᠵᠠᠬ᠎ᠠ ᠲᠡᠯᠬᠡᠬᠦᠷ ᠤᠨ ᠬᠡᠷᠡᠭᠴᠡᠭᠡ᠂ ᠬᠦᠭᠵᠢᠯᠳᠡ ᠶᠢᠨ ᠬᠦᠳᠡᠯᠬᠡᠬᠦ ᠬᠦᠴᠦᠨ᠂ ᠡᠬᠢ ᠪᠠᠶᠠᠯᠢᠭ ᠤᠨ ᠤᠷᠴᠢᠨ | ᠲᠤᠭᠤᠷᠢᠨ ᠵᠡᠷᠬᠡ ᠨᠢ ᠨᠢᠬᠡᠨᠳᠡ ᠯᠤᠳᠤ ᠶᠡᠭᠡ ᠬᠤᠪᠢᠷᠠᠯᠳᠠ ᠭᠠᠷᠴᠤ᠂ ᠲᠤᠭᠳᠠᠭᠤᠨ ᠢᠶᠠᠷ ᠨᠡᠮᠡᠭᠳᠡᠬᠦᠯᠬᠦ᠂ ᠪᠦᠳᠦᠴᠡ | ᠶᠢ ᠲᠤᠬᠢᠷᠠᠭᠤᠯᠬᠤ ᠡᠬᠦᠷᠬᠡ ᠲᠦᠢᠯ ᠤᠨ ᠶᠡᠭᠡ ᠬᠦᠴᠢᠷᠳᠡᠯ ᠲᠠᠢ ᠪᠤᠯᠤᠭᠰᠠᠨ ᠪᠠᠶᠢᠨ᠎ᠠ᠃ᠰᠢᠨ᠎ᠡ ᠬᠡᠪ ᠤᠨ ᠪᠠᠶᠢᠳᠠᠯ | ᠳᠤ ᠰᠢᠨ᠎ᠡ ᠦᠷᠢᠰᠦᠯᠳᠦᠬᠡᠨ ᠤᠷᠤᠰᠢᠵᠤ᠂ ᠨᠡᠩ ᠴᠤ ᠰᠢᠨ᠎ᠡ ᠠᠵᠠ ᠲᠤᠬᠢᠶᠠᠯ ᠠᠭᠤᠯᠤᠭᠳᠠᠨ᠎ᠠ᠃ ᠨᠢᠬᠡ ᠳᠤ᠂ | ᠤᠯᠤᠰ ᠠᠴᠠ ᠲᠤᠷᠭᠠᠨ ᠵᠠᠮ ᠤᠨ ᠠᠵᠤ ᠠᠬᠤᠢ ᠶᠢᠨ ᠪᠦᠰᠡ ᠶᠢ ᠬᠡᠷᠡᠭᠵᠢᠬᠦᠯᠵᠦ᠂ ᠲᠤᠮᠳᠠᠳᠤ ᠮᠤᠩᠭᠤᠯ ᠤᠨ | ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠵᠢᠴᠢ ᠬᠦᠬᠡᠬᠤᠳᠠ ᠪᠤᠭᠤᠳᠤ ᠢᠷᠭᠠᠢ ᠢᠤᠢ | ᠯᠢᠨ ᠤ ᠠᠵᠤ ᠠᠬᠤᠢ ᠶᠢᠨ ᠤᠷᠤᠨ ᠢ ᠴᠤᠭᠴᠠᠯᠠᠬᠤ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠨᠢ᠂ | ᠪᠢᠳᠡᠨ ᠤ ᠪᠤᠭᠤᠮᠳᠠ ᠶᠢᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠬᠤ᠂ | ᠤᠯᠠᠨᠪᠤᠯᠠᠭ ᠤᠨ ᠲᠤᠮᠳᠠᠳᠤ ᠮᠤᠩᠭᠤᠯ ᠤᠨ ᠬᠠᠮᠳᠤᠷᠠᠯᠴᠠᠭᠠᠨ ᠤ ᠠᠵᠤ ᠦᠢᠯᠡᠰ ᠤᠨ ᠲᠤᠭᠤᠷᠢᠭ ᠤᠨ | ᠲᠦᠯᠦᠪᠵᠢᠬᠦᠯᠬᠡ ᠶᠢᠨ ᠪᠦᠳᠦᠬᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠬᠤ᠂ ᠠᠵᠤ ᠠᠬᠤᠢ ᠶᠢᠨ | ᠬᠦᠭᠵᠢᠯᠳᠡ ᠶᠢᠨ ᠪᠡᠯᠡᠳᠬᠡᠯ ᠬᠦᠴᠦᠨ ᠢ ᠴᠢᠩᠭᠠᠷᠠᠭᠤᠯᠬᠤ ᠳᠤ ᠠᠰᠢᠭ ᠲᠠᠢ ᠪᠤᠯᠤᠨ᠎ᠠ᠃ ᠬᠤᠶᠠᠷ ᠲᠤ᠂ ᠤᠯᠤᠰ | ᠠᠴᠠ ᠪᠠᠷᠠᠭᠤᠨ ᠤᠷᠤᠨ ᠤᠨᠴᠠᠭᠠᠶᠢᠯᠠᠨ ᠴᠦᠬᠡᠨ ᠲᠤᠭᠠᠳᠤ ᠦᠨᠳᠦᠰᠦᠳᠡᠨ ᠤ ᠭᠠᠵᠠᠷ ᠤᠷᠤᠨ ᠤ ᠰᠠᠭᠤᠷᠢ | ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠲᠦᠰᠦᠪ ᠤᠨ ᠲᠤᠳᠤᠷᠠᠬᠢ ᠪᠡᠯᠡ | ᠤᠷᠤᠭᠤᠯᠤᠯᠳᠠ ᠪᠠᠨ ᠭᠤᠤᠯᠳᠠᠭᠤ ᠪᠠᠷᠠᠭᠤᠨ ᠣᠷᠤᠨ ᠵᠦᠭ ᠬᠡᠯᠪᠡᠶᠢᠯᠬᠡᠭᠰᠡᠨ ᠨᠢ᠂ ᠪᠢᠳᠡᠨ ᠤ ᠵᠠᠮ ᠬᠠᠷᠢᠯᠴᠠᠭ᠎ᠠ᠂ | ᠴᠠᠬᠢᠯᠭᠠᠨ ᠬᠦᠴᠦᠨ᠂ ᠤᠰᠤᠨ ᠠᠰᠢᠭᠯᠠᠯᠳᠠ᠂ ᠬᠤᠳᠠ ᠶᠢᠨ ᠭᠠᠵᠠᠷ ᠲᠤᠤᠷᠠᠬᠢ ᠲᠤᠤᠷ ᠬᠤᠭᠤᠯᠠᠢ᠂ ᠪᠦᠷᠬᠡ ᠬᠡᠷ | ᠤᠨ ᠤᠷᠤᠨ ᠢ ᠦᠬᠡᠷᠡᠴᠢᠯᠡᠨ ᠰᠢᠨᠡᠳᠬᠡᠬᠦ ᠵᠡᠷᠬᠡ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ | ᠲᠦᠷᠦᠯ ᠵᠦᠢᠯ ᠢ ᠲᠡᠭᠡᠭᠰᠢ ᠮᠡᠳᠡᠬᠦᠯᠵᠤ᠂ ᠤᠯᠤᠰ᠂ ᠦᠪᠡᠷᠳᠡᠬᠡᠨ ᠵᠠᠰᠠᠬᠤ ᠤᠷᠤᠨ ᠤ ᠪᠡᠯᠡ ᠮᠦᠩᠬᠦᠨ ᠤ | ᠲᠡᠮᠵᠢᠯᠬᠡ ᠶᠢ ᠴᠢᠷᠮᠠᠶᠢᠨ ᠤᠯᠵᠤ᠂ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢᠨ ᠨᠦᠬᠦᠴᠡᠯ | ᠢᠶᠠᠨ ᠶᠡᠬᠡᠪᠡᠷ ᠰᠠᠶᠢᠵᠢᠷᠠᠭᠤᠯᠬᠤ ᠳᠤ ᠠᠰᠢᠭ ᠲᠠᠢ ᠶᠤᠮ᠃ ᠭᠤᠷᠪᠠ ᠳᠤ᠂ ᠤᠯᠤᠰ ᠠᠴᠠ ᠢᠳᠡᠪᠬᠢᠳᠡᠢ ᠡᠳ᠋ ᠤᠨ | ᠵᠠᠰᠠᠭ ᠤᠨ ᠲᠦᠷᠦ ᠶᠢᠨ ᠪᠤᠳᠤᠯᠭ᠎ᠠ ᠪᠤᠯᠤᠨ ᠯᠠᠪᠳᠠᠭᠤᠨ ᠵᠤᠭᠤᠰᠤᠨ ᠤ ᠲᠦᠷᠦ ᠶᠢᠨ ᠪᠤᠳᠤᠯᠭ᠎ᠠ ᠶᠢ | ᠦᠷᠬᠦᠯᠵᠢᠯᠡᠨ ᠬᠡᠷᠡᠭᠵᠢᠬᠦᠯᠵᠦ᠂ ᠦᠢᠷ᠎ᠡ ᠳᠤ ᠲᠦᠪ ᠤᠨ ᠪᠠᠩᠬᠢ ᠠᠴᠠ ᠬᠠᠳᠠᠭᠠᠯᠠᠮᠵᠢ ᠶᠢᠨ ᠪᠡᠯᠡᠳᠬᠡᠯ ᠮᠦᠩᠬᠦᠨ | ᠤ ᠨᠤᠷᠮ᠎ᠠ ᠶᠢ 0.5 ᠵᠠᠭᠤᠨ ᠤ ᠨᠢᠬᠡᠴᠢ ᠪᠠᠷ ᠲᠤᠷᠤᠭᠰᠢᠯᠠᠭᠤᠯᠤᠭᠰᠠᠨ ᠨᠢ ᠭᠤᠤᠯᠳᠠᠯᠭ᠎ᠠ ᠲᠠᠢ ᠲᠦᠷᠦᠯ ᠵᠦᠢᠯ | ᠪᠤᠯᠤᠨ ᠬᠦᠴᠢᠷᠳᠡᠯᠳᠡᠢ ᠠᠵᠤ ᠠᠬᠤᠶᠢᠯᠠᠯ ᠤᠨ ᠪᠡᠯᠡ ᠮᠦᠩᠬᠦᠨ ᠤ ᠬᠡᠷᠡᠭᠴᠡᠭᠡ ᠶᠢ ᠨᠠᠮᠳᠠᠭᠤᠯᠬᠤ ᠳᠤ ᠠᠰᠢᠭᠳᠠᠢ | ᠪᠠᠶᠢᠵᠤ᠂ ᠲᠦᠪ ᠤᠨ ᠪᠠᠩᠬᠢ ᠠᠴᠠ ᠬᠠᠳᠠᠭᠠᠯᠠᠮᠵᠢ ᠵᠢᠬᠡᠯᠡᠯᠬᠡ ᠶᠢᠨ ᠪᠠᠷᠢᠮᠵᠢᠶᠠᠳᠤ ᠬᠦᠦ ᠮᠦᠩᠬᠦᠨ ᠤ ᠨᠤᠷᠮ᠎ᠠ | ᠶᠢ 0.25 ᠵᠠᠭᠤᠨ ᠤ ᠨᠢᠬᠡᠴᠢ ᠪᠠᠷ ᠲᠤᠷᠤᠭᠰᠢᠯᠠᠭᠤᠯᠤᠭᠰᠠᠨ ᠨᠢ᠂ ᠬᠡᠷᠡᠭᠯᠡᠬᠡᠨ ᠤ ᠵᠠᠬ᠎ᠠ ᠲᠡᠯᠬᠡᠬᠦᠷ ᠢ | ᠪᠤᠶᠢᠵᠢᠭᠤᠯᠬᠤ ᠪᠠ ᠬᠡᠷᠡᠭᠯᠡᠭᠡ ᠶᠢ ᠦᠷᠭᠡᠳᠬᠡᠬᠦ ᠳᠤ ᠠᠰᠢᠭ ᠲᠠᠢ ᠶᠤᠮ᠃ ᠲᠦᠷᠪᠡ ᠳᠤ᠂ ᠲᠦᠪ ᠤᠨ ᠲᠦᠰᠦᠪ | ᠤᠨ ᠲᠤᠳᠤᠷᠠᠬᠢ ᠪᠡᠯᠡ ᠤᠷᠤᠭᠤᠯᠤᠯᠳᠠ ᠶᠢᠨ ᠭᠤᠤᠯᠳᠠᠯᠭ᠎ᠠ ᠪᠠᠨ ᠡᠨᠧᠷᠬᠢ ᠠᠷᠪᠢᠯᠠᠵᠤ ᠤᠷᠴᠢᠨ ᠲᠤᠭᠤᠷᠢᠨ ᠢ | ᠬᠠᠮᠠᠭᠠᠯᠠᠬᠤ ᠪᠤᠯᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠳᠤ ᠴᠢᠭᠯᠡᠬᠦᠯᠦᠭᠰᠡᠨ ᠨᠢ᠂ ᠮᠠᠨ ᠤ | ᠬᠤᠰᠢᠭᠤᠨ ᠤ ᠰᠠᠯᠬᠢ ᠬᠡᠷᠡᠯ ᠤᠨ ᠡᠨᠧᠷᠬᠢ ᠶᠢᠨ ᠡᠬᠢ ᠪᠠᠶᠠᠯᠢᠭ ᠡᠯᠪᠡᠭ ᠲᠡᠯᠪᠡᠭ ᠪᠠᠶᠢᠬᠤ ᠲᠠᠪᠠᠭᠤᠯᠢᠭ ᠢᠶᠠᠨ | ᠪᠠᠳᠠᠷᠡᠭᠤᠯᠵᠤ᠂ ᠰᠠᠯᠬᠢ ᠬᠡᠷᠡᠯ ᠢᠶᠠᠷ ᠴᠠᠬᠢᠯᠭᠠᠨ ᠭᠠᠷᠭᠠᠬᠤ ᠵᠡᠷᠬᠡ ᠴᠡᠪᠡᠷ ᠡᠨᠧᠷᠬᠢ ᠶᠢᠨ ᠰᠠᠭᠤᠷᠢᠨ ᠭᠠᠵᠠᠷ ᠢ | ᠪᠠᠶᠢᠭᠤᠯᠬᠤ ᠳᠤ ᠠᠰᠢᠭ ᠲᠠᠢ ᠪᠠᠷ ᠪᠠᠷᠠᠬᠤ ᠦᠬᠡᠢ᠂ ᠪᠠᠰᠠ ᠮᠠᠨ ᠤ ᠬᠤᠰᠢᠭᠤᠨ ᠤ ᠡᠯᠡᠰᠦᠨ ᠤ ᠠᠵᠤ ᠦᠢᠯᠡᠰ ᠢ | ᠶᠡᠬᠡᠪᠡᠷ ᠬᠦᠭᠵᠢᠬᠦᠯᠵᠦ᠂ ᠠᠮᠢ ᠠᠬᠤᠢ ᠶᠢᠨ ᠤᠷᠴᠢᠨ ᠢ ᠰᠠᠶᠢᠵᠢᠷᠠᠭᠤᠯᠬᠤ ᠶᠢᠨ ᠬᠠᠮᠳᠤ ᠮᠠᠯᠴᠢᠨ ᠲᠠᠷᠢᠶᠠᠴᠢᠨ ᠤ | ᠤᠷᠤᠯᠭ᠎ᠠ ᠶᠢ ᠨᠡᠮᠡᠭᠳᠡᠬᠦᠯᠬᠦ ᠳᠤ ᠠᠰᠢᠭ ᠲᠠᠢ ᠶᠤᠮ᠃ ᠲᠠᠪᠤ ᠳᠤ᠂ ᠤᠯᠠᠨ ᠵᠢᠯ ᠤᠨ ᠲᠤᠷᠰᠢ ᠪᠢᠳᠡ ᠪᠦᠬᠦ | ᠬᠤᠰᠢᠭᠤᠨ ᠤ ᠬᠦᠴᠦᠨ ᠢ ᠲᠠᠶᠢᠴᠢᠯᠡᠨ᠂ ︽ᠤᠰᠤ ᠵᠠᠮ ᠤᠨ ᠬᠦᠴᠢᠷᠳᠡᠯ︾ ᠢ ᠰᠢᠢᠳᠪᠦᠷᠢᠯᠡᠵᠦ᠂ ᠨᠡᠬᠡᠬᠡᠯᠳᠡ | ᠶᠢᠨ ᠤᠷᠤᠨ᠂ ᠤᠷᠤᠨ ᠲᠤᠭᠤᠷᠢᠭ ᠤᠨ ᠰᠠᠭᠤᠷᠢ ᠲᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ | ᠲᠡᠬᠦᠯᠳᠡᠷᠵᠢᠬᠦᠯᠦᠨ᠂ ᠲᠦᠷᠦᠯ ᠵᠦᠢᠯ ᠤᠨ ᠲᠠᠭᠠᠭᠠᠴᠠ ᠶᠢᠨ ᠴᠢᠳᠠᠪᠤᠷᠢ ᠶᠡᠭᠡ ᠬᠡᠮᠵᠢᠶ᠎ᠡ ᠪᠠᠷ ᠲᠡᠭᠡᠭᠰᠢᠯᠡᠭᠰᠡᠨ ᠨᠢ᠂ | ᠪᠢᠳᠡᠨ ᠤ ᠤᠯᠤᠰ᠂ ᠦᠪᠡᠷᠳᠡᠬᠡᠨ ᠵᠠᠰᠠᠬᠤ ᠤᠷᠤᠨ ᠤ ᠠᠵᠤ ᠦᠢᠯᠡᠰ ᠤᠨ ᠪᠠᠶᠢᠷᠢᠯᠠᠭᠤᠯᠤᠯᠳᠠ ᠲᠤᠬᠢᠷᠠᠭᠤᠯᠭ᠎ᠠ | ᠶᠢ ᠠᠰᠢᠭᠯᠠᠨ᠂ ᠨᠢᠬᠡ ᠪᠦᠯᠦᠭ ᠮᠠᠨ ᠤ ᠬᠤᠰᠢᠭᠤᠨ ᠤ ᠠᠯᠤᠰ ᠬᠡᠳᠦ ᠶᠢᠨ ᠬᠦᠭᠵᠢᠯᠳᠡ ᠳᠤ ᠬᠤᠯᠪᠤᠭᠳᠠᠬᠤ | ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠢᠨ ᠤᠷᠤᠭᠤᠯᠵᠤ᠂ ᠠᠵᠤ ᠠᠬᠤᠢ ᠨᠡᠶᠢᠬᠡᠮ ᠤᠨ | ᠦᠷᠬᠦᠯᠵᠢᠯᠡᠨ ᠬᠦᠭᠵᠢᠬᠦ ᠶᠢ ᠲᠦᠯᠬᠢᠨ ᠠᠬᠢᠭᠤᠯᠬᠤ ᠳᠤ ᠠᠰᠢᠭ ᠲᠠᠢ ᠶᠤᠮ᠃ | ᠡᠨᠡ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠬᠡᠢ ᠱᠠᠭᠠᠷᠳᠠᠯᠭ᠎ᠠ ᠪᠤᠯ᠄ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠬᠡᠷ ᠪᠦᠬᠦᠳᠡ | ᠬᠤᠷᠠᠯ ᠵᠢᠴᠢ ᠰᠢ ᠶᠢᠨ ᠫᠢᠨ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠪᠤᠯᠤᠨ ᠦᠪᠦᠷ ᠮᠤᠩᠭᠤᠯ ᠢ | ᠪᠠᠶᠢᠴᠠᠭᠠᠨ ᠦᠵᠡᠭᠰᠡᠨ ᠴᠢᠬᠤᠯᠠ ᠶᠠᠷᠢᠶ᠎ᠠ᠂ ᠦᠪᠡᠷᠳᠡᠬᠡᠨ ᠵᠠᠰᠠᠬᠤ ᠤᠷᠤᠨ ᠤ ︽ᠬᠤᠶᠠᠷ ᠬᠤᠷᠠᠯ︾᠂ ᠠᠶᠢᠮᠠᠭ | ᠤᠨ ᠨᠠᠮ ᠤᠨ ᠬᠤᠷᠢᠶᠠᠨ ᠤ ︵ᠦᠷᠬᠡᠳᠬᠡᠭᠰᠡᠨ︶ ᠬᠤᠷᠠᠯ ᠪᠤᠯᠤᠨ ᠬᠤᠰᠢᠭᠤᠨ ᠤ ᠠᠷᠪᠠᠨ ᠬᠤᠶᠠᠳᠤᠭᠠᠷ | ᠬᠤᠭᠤᠴᠠᠭᠠᠨ ᠤ ᠲᠠᠪᠤᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠤᠨ ᠵᠤᠷᠢᠭ ᠰᠠᠨᠠᠭ᠎ᠠ ᠶᠢ | ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ | ᠵᠢᠯᠤᠭᠤᠳᠤᠯᠭ᠎ᠠ ᠪᠤᠯᠭᠠᠵᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠬᠡᠷᠡᠴᠢᠯᠡᠯᠳᠡ ᠶᠢ ᠪᠦᠬᠦ | ᠲᠠᠯ᠎ᠠ ᠪᠠᠷ ᠬᠦᠨᠵᠡᠬᠡᠶᠢᠷᠡᠬᠦᠯᠬᠦ᠂ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ᠂ ᠪᠦᠬᠦ ᠲᠠᠯ᠎ᠠ ᠪᠠᠷ ᠴᠢᠩᠭ᠎ᠠ | ᠪᠠᠷ ᠨᠠᠮ ᠢᠶᠠᠨ ᠵᠠᠰᠠᠬᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠳᠠ ᠶᠤᠰᠤᠭᠠᠷ᠂ ᠲᠤᠭᠳᠠᠭᠤᠨ ᠤ ᠲᠤᠮᠳᠠ | ᠤᠷᠤᠭᠰᠢᠯᠠᠬᠤ ᠠᠵᠢᠯ ᠤᠨ ᠶᠡᠷᠦᠩᠬᠡᠢ ᠤᠬᠠᠭᠳᠠᠬᠤᠨ ᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ | ᠰᠢᠨ᠎ᠡ ᠬᠡᠪ ᠤᠨ ᠪᠠᠶᠢᠳᠠᠯ ᠲᠠᠢ ᠰᠠᠨᠠᠭᠠᠴᠢᠯᠠᠭ᠎ᠠ ᠲᠠᠢ ᠪᠠᠷ ᠵᠤᠬᠢᠴᠠᠨ᠂ ᠲᠤᠷᠭᠠᠨ ᠵᠠᠮ ᠤᠨ ᠠᠵᠤ ᠠᠬᠤᠢ ᠶᠢᠨ | ᠪᠦᠰᠡ ᠳᠤ ᠰᠠᠨᠠᠭᠠᠴᠢᠯᠠᠭ᠎ᠠ ᠲᠠᠢ ᠪᠠᠷ ᠠᠭᠤᠰᠣᠯᠴᠠᠵᠤ᠂ ᠬᠡᠯᠪᠡᠷᠢ ᠪᠠᠨ ᠬᠤᠪᠢᠷᠠᠭᠤᠯᠵᠤ ᠪᠦᠳᠦᠴᠡ ᠪᠠᠨ | ᠲᠤᠬᠢᠷᠠᠭᠤᠯᠬᠤ ᠶᠢ ᠤᠯᠠᠮ ᠴᠢᠬᠤᠯᠠ ᠪᠠᠶᠢᠷᠢᠨ ᠳᠤ ᠲᠠᠯᠪᠢᠵᠤ᠂ ᠲᠤᠭᠳᠠᠭᠤᠨ ᠢ ᠬᠠᠮᠠᠭᠠᠯᠠᠬᠤ᠂ ᠠᠶᠤᠯ ᠦᠬᠡᠢ | ᠦᠢᠯᠡᠳᠪᠦᠷᠢᠯᠡᠯ᠂ ᠠᠮᠢ ᠠᠬᠤᠢ ᠶᠢᠨ ᠤᠷᠴᠢᠨ ᠢ ᠬᠠᠮᠠᠭᠠᠯᠠᠬᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ︽ | ᠲᠦᠷᠪᠡᠨ ᠤᠯᠠᠭᠠᠨ ᠱᠤᠭᠤᠮ︾ ᠢ ᠪᠠᠳᠤ ᠰᠠᠬᠢᠵᠤ᠂ ᠦᠬᠡᠷᠡᠴᠢᠯᠡᠯᠳᠡ ᠶᠢᠨ ᠰᠢᠪᠳᠤᠯᠤᠯᠳᠠ ᠬᠢᠬᠦ ᠶᠢ ᠡᠷᠴᠢᠮᠳᠡᠢ | ᠠᠳᠬᠤᠵᠤ᠂ ᠰᠢᠨ᠎ᠡ ᠶᠢ ᠡᠬᠦᠳᠬᠦ ᠪᠠᠷ ᠬᠦᠳᠡᠯᠬᠡᠬᠦᠷ ᠪᠤᠯᠭᠠᠬᠤ ᠶᠢ ᠲᠤᠪᠤᠶᠢᠯᠭᠠᠵᠤ᠂ ᠠᠶᠤᠯ ᠲᠦᠭᠰᠢᠬᠦᠷᠢ ᠶᠢ | ᠰᠡᠷᠬᠡᠶᠢᠯᠡᠨ ᠬᠤᠷᠢᠭᠯᠠᠬᠤ ᠪᠠᠨ ᠴᠢᠩᠭᠠᠷᠠᠭᠤᠯᠤᠨ᠂ ᠠᠮᠢ ᠠᠬᠤᠢ ᠶᠢᠨ ᠬᠠᠮᠠᠭᠠᠯᠠᠯᠳᠠ ᠶᠢ ᠴᠢᠩᠭᠠᠳᠬᠠᠨ᠂ ᠠᠷᠠᠳ | ᠤᠨ ᠠᠮᠢᠳᠤᠷᠠᠯ ᠢ ᠡᠷᠴᠢᠮᠳᠠᠢ ᠪᠠᠳᠤᠯᠠᠵᠤ᠂ ᠵᠠᠰᠠᠭ ᠤᠨ ᠤᠷᠳᠤᠨ ᠤ ᠴᠢᠳᠠᠪᠬᠢ ᠶᠢ ᠲᠦᠷᠬᠡᠳᠬᠡᠨ ᠬᠤᠪᠢᠷᠠᠭᠤᠯᠵᠤ | ᠂ ᠠᠵᠤ ᠠᠬᠤᠢ ᠲᠤᠭᠳᠠᠭᠤᠨ ᠡᠷᠡᠬᠦᠯ ᠢᠶᠠᠷ ᠡᠷᠬᠢᠯᠳᠦᠬᠦ᠂ ᠨᠡᠶᠢᠬᠡᠮ ᠤᠨ ᠠᠵᠢᠯ ᠦᠢᠯᠡᠰ ᠪᠦᠬᠦ ᠲᠠᠯ᠎ᠠ ᠪᠠᠷ | ᠵᠤᠬᠢᠴᠠᠯᠳᠤᠨ ᠬᠦᠭᠵᠢᠬᠦ ᠶᠢ ᠴᠢᠷᠮᠠᠶᠢᠨ ᠲᠦᠯᠬᠢᠨ ᠠᠬᠢᠭᠤᠯᠤᠨ᠎ᠠ᠃ | ᠭᠤᠤᠯ ᠵᠢᠱᠢᠭᠰᠡᠨ ᠬᠠᠷᠠᠯᠳᠠ ᠪᠤᠯ᠄ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠢ 8% | ᠤᠷᠴᠢᠮ ᠢᠶᠠᠷ ᠨᠡᠮᠡᠭᠳᠡᠬᠦᠯᠵᠦ᠂ ᠪᠦᠬᠦ ᠨᠡᠶᠢᠬᠡᠮ ᠤᠨ ᠲᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢ | 15% ᠢᠶᠠᠷ ᠨᠡᠮᠡᠭᠳᠡᠬᠦᠯᠦᠨ᠂ ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠦᠰᠦᠪᠯᠡᠭᠰᠡᠨ ᠤᠷᠤᠯᠭ᠎ᠠ ᠶᠢ 7. | 4% ᠪᠠᠷ ᠨᠡᠮᠡᠭᠳᠡᠬᠦᠯᠵᠦ᠂ ᠨᠡᠶᠢᠬᠡᠮ ᠤᠨ ᠬᠡᠷᠡᠭᠯᠡᠬᠡᠨ ᠤ ᠵᠢᠵᠢᠭᠯᠡᠨ ᠪᠤᠷᠤᠯᠠᠭᠤᠯᠬᠤ ᠶᠡᠷᠦᠩᠬᠡᠢ ᠲᠤᠭ᠎ᠠ ᠶᠢ 11% | ᠪᠠᠷ ᠨᠡᠮᠡᠭᠳᠡᠬᠦᠯᠦᠨ᠂ ᠬᠤᠳᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠪᠠ ᠮᠠᠯᠵᠢᠬᠤ ᠲᠠᠷᠢᠶᠠᠯᠠᠬᠤ ᠤᠷᠤᠨ | ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ ᠶᠢ | ᠲᠤᠰᠪᠤᠷᠢ 9% ᠪᠠ 10% ᠪᠠᠷ ᠨᠡᠮᠡᠭᠳᠡᠬᠦᠯᠵᠦ᠂ ᠡᠯ᠎ᠡ ᠲᠦᠷᠦᠯ ᠤᠨ ᠬᠢᠵᠠᠭᠠᠷᠯᠠᠬᠤ ᠴᠢᠨᠠᠷᠳᠠᠢ ᠬᠦᠢᠴᠡᠳᠬᠡᠯ | ᠲᠤᠭ᠎ᠠ ᠶᠢ ᠲᠡᠭᠡᠳᠦ ᠱᠠᠳᠤᠨ ᠠᠴᠠ ᠱᠠᠭᠠᠷᠳᠠᠭᠰᠠᠨ ᠬᠡᠮᠵᠢᠶᠠᠨ ᠳᠤ ᠬᠢᠵᠠᠭᠠᠷᠯᠠᠨ᠎ᠠ᠃ | ᠲᠡᠭᠡᠷ᠎ᠡ ᠲᠤᠷᠠᠳᠤᠭᠰᠠᠨ ᠬᠠᠷᠠᠯᠳᠠ ᠪᠠᠨ ᠪᠡᠶᠡᠯᠡᠬᠦᠯᠬᠦ ᠶᠢᠨ ᠲᠤᠯᠠᠳᠠ᠂ ᠪᠢᠳᠡ ᠲᠤᠤᠷᠠᠬᠢ ᠲᠤᠯᠤᠭᠠᠨ ᠲᠠᠯ᠎ᠠ ᠶᠢᠨ | ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠬᠤ ᠬᠡᠷᠡᠭᠳᠡᠢ᠃ | ︵ᠨᠢᠬᠡ︶ ᠪᠡᠯᠡ ᠤᠷᠤᠭᠤᠯᠤᠯᠳᠠ ᠪᠠᠨ ᠶᠡᠬᠡᠰᠬᠡᠬᠦ ᠪᠤᠯᠤᠨ ᠲᠤᠳᠤᠭᠠᠳᠤ ᠬᠡᠷᠡᠭᠴᠡᠭᠡ ᠪᠠᠨ ᠨᠡᠮᠡᠭᠳᠡᠬᠦᠯᠬᠦ ᠶᠢ | ᠪᠠᠷᠢᠮᠳᠠᠯᠠᠵᠤ᠂ ᠬᠦᠭᠵᠢᠯᠳᠡ ᠶᠢᠨ ᠪᠡᠯᠡᠳᠬᠡᠯ ᠬᠦᠴᠦᠨ ᠢ ᠴᠢᠩᠭᠠᠷᠠᠭᠤᠯᠤᠨ᠎ᠠ | ᠪᠡᠯᠡ ᠤᠷᠤᠭᠤᠯᠤᠯᠳᠠ ᠪᠠᠨ ᠶᠡᠬᠡᠰᠬᠡᠬᠦ ᠪᠤᠯᠤᠨ ᠲᠤᠳᠤᠭᠠᠳᠤ ᠬᠡᠷᠡᠭᠴᠡᠭᠡ ᠪᠠᠨ ᠨᠡᠮᠡᠭᠳᠡᠬᠦᠯᠬᠦ ᠶᠢ ᠠᠵᠤ ᠠᠬᠤᠢ | ᠨᠡᠶᠢᠬᠡᠮ ᠤᠨ ᠬᠦᠭᠵᠢᠯᠳᠡ ᠶᠢ ᠲᠠᠳᠠᠨ ᠠᠬᠢᠭᠤᠯᠬᠤ ᠴᠢᠬᠤᠯᠠ ᠠᠷᠭ᠎ᠠ ᠪᠠᠷᠢᠯ ᠪᠤᠯᠭᠠᠵᠤ᠂ ᠲᠦᠷᠦᠯ ᠵᠦᠢᠯ ᠤᠨ | ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠬᠡᠷᠡᠭᠯᠡᠬᠡᠨ ᠤ ᠭᠡᠷᠡᠭᠴᠡᠭᠡ ᠪᠠᠨ ᠢᠳᠡᠪᠬᠢᠳᠡᠢ | ᠬᠦᠮᠦᠵᠢᠬᠦᠯᠵᠦ᠂ ᠠᠵᠤ ᠠᠬᠤᠢ ᠶᠢᠨ ᠦᠷᠬᠦᠯᠵᠢᠯᠡᠨ ᠲᠤᠭᠳᠠᠭᠤᠨ ᠢᠶᠠᠷ ᠨᠡᠮᠡᠭᠳᠡᠬᠦ ᠶᠢ ᠠᠬᠢᠭᠤᠯᠤᠨ᠎ᠠ᠃ | ᠭᠤᠤᠯᠳᠠᠯᠭ᠎ᠠ ᠲᠠᠢ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠲᠦᠯᠬᠢᠨ | ᠠᠬᠢᠭᠤᠯᠤᠨ᠎ᠠ᠃ 81 ᠭᠤᠤᠯᠳᠠᠯᠭ᠎ᠠ ᠲᠠᠢ ᠲᠦᠷᠦᠯ ᠵᠤᠶᠢᠯ ᠢ ᠬᠡᠷᠡᠭᠵᠢᠬᠦᠯᠬᠦ ᠪᠠᠷ ᠲᠦᠯᠦᠪᠯᠡᠵᠦ᠂ ᠨᠡᠶᠢᠳᠡ 418. | 8 ᠳ᠋ᠦᠩᠰᠢᠭᠤᠷ ᠲᠦᠬᠦᠷᠢᠭ ᠪᠡᠯᠡ ᠤᠷᠤᠭᠤᠯᠵᠤ᠂ ᠲᠤᠰ ᠵᠢᠯ ᠳᠡᠭᠡᠨ132.9 ᠳ᠋ᠦᠩᠰᠢᠭᠤᠷ ᠲᠦᠬᠦᠷᠢᠭ ᠤᠨ | ᠪᠡᠯᠡ ᠤᠷᠤᠭᠤᠯᠤᠯᠳᠠ ᠶᠢ ᠪᠡᠶᠡᠯᠡᠬᠦᠯᠦᠨ᠎ᠡ᠃ ᠭᠤᠤᠯᠳᠠᠯᠭ᠎ᠠ ᠲᠠᠢ ᠲᠦᠷᠦᠯ ᠵᠤᠶᠢᠯ ᠢ ᠲᠦᠯᠬᠢᠨ ᠠᠬᠢᠭᠤᠯᠬᠤ ᠠᠷᠭ᠎ᠠ | ᠪᠠᠷᠢᠯ ᠢᠶᠠᠨ ᠪᠦᠷᠢᠨᠰᠢᠬᠦᠯᠦᠨ ᠲᠡᠬᠦᠯᠳᠡᠷᠵᠢᠬᠦᠯᠵᠦ᠂ ᠬᠠᠷᠢᠭᠤᠴᠠᠯᠭ᠎ᠠ ᠲᠤᠭᠳᠠᠭᠠᠨ᠂ ᠡᠬᠦᠷᠬᠡ ᠲᠤᠭᠳᠠᠭᠠᠵᠤ᠂ | ᠬᠤᠭᠤᠴᠠᠭ᠎ᠠ ᠲᠤᠭᠳᠠᠭᠠᠨ᠂ ᠵᠤᠬᠢᠴᠠᠭᠤᠯᠤᠨ ᠦᠢᠯᠡᠴᠢᠯᠡᠬᠦ ᠠᠵᠢᠯ ᠢᠶᠠᠨ ᠢᠳᠡᠪᠬᠢᠳᠡᠢ ᠰᠠᠶᠢᠳᠤᠷ ᠬᠢᠵᠤ᠂ | ᠭᠤᠤᠯᠳᠠᠯᠭ᠎ᠠ ᠲᠠᠢ ᠲᠦᠷᠦᠯ ᠵᠦᠢᠯ ᠤᠨ ᠲᠤᠭᠳᠠᠭᠰᠠᠨ ᠬᠤᠭᠤᠴᠠᠭᠠᠨ ᠳ᠋ᠠᠭᠠᠨᠠᠵᠢᠯ ᠢᠶᠠᠨ ᠡᠬᠢᠯᠡᠬᠦᠯᠬᠦ ᠪᠤᠶᠤ | ᠰᠡᠷᠬᠦᠬᠡᠬᠦ ᠶᠢ ᠪᠠᠳᠤᠯᠠᠨ᠎ᠠ᠃ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠬᠦ᠂ ᠭᠠᠵᠠᠷ ᠬᠡᠷᠡᠭᠯᠡᠬᠦ ᠬᠦᠢᠴᠡᠳᠬᠡᠯ | ᠲᠤᠭ᠎ᠠ᠂ ᠮᠡᠳᠡᠬᠦᠯᠦᠨ ᠵᠦᠪᠰᠢᠶᠡᠷᠡᠬᠦᠯᠬᠦ ᠭᠠᠷ ᠬᠦᠢᠴᠡᠳᠬᠡᠯ ᠵᠡᠷᠬᠡ ᠲᠦᠷᠦᠯ ᠵᠦᠢᠯ ᠤᠨ ᠪᠦᠳᠦᠬᠡᠨ ᠪᠠᠶᠢᠭᠤᠯᠤᠯᠳᠠ | ᠶᠢᠨ ᠡᠯᠧᠮᠧᠨ᠋ᠲ ᠢ ᠢᠳᠡᠪᠬᠢᠳᠡᠢ ᠵᠤᠬᠢᠴᠠᠭᠤᠯᠤᠨ ᠨᠠᠶᠢᠳᠠᠪᠤᠷᠢᠵᠢᠭᠤᠯᠵᠤ᠂ ᠲᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠶᠢ ᠪᠦᠬᠦ ᠲᠠᠯ᠎ᠠ ᠪᠠᠷ ᠲᠡᠮᠵᠢᠵᠦ᠂ ᠲᠦᠷᠦᠯ ᠵᠦᠢᠯ ᠲᠦᠷᠬᠡᠨ ᠤᠷᠤᠵᠤ ᠢᠷᠡᠬᠦ᠂ ᠱᠠᠯᠠᠪᠳᠠᠨ | ᠪᠦᠳᠦᠬᠡᠨ ᠪᠠᠶᠢᠭᠤᠯᠬᠤ᠂ ᠬᠤᠷᠳᠤᠨ ᠦᠷ᠎ᠡ ᠠᠰᠢᠭ ᠭᠠᠷᠭᠠᠬᠤ ᠶᠢ ᠠᠬᠢᠭᠤᠯᠤᠨ᠎ᠠ᠃ | ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠢ ᠶᠡᠬᠡᠪᠡᠷ ᠦᠷᠨᠢᠬᠦᠯᠦᠨ᠎ᠡ᠃ ᠠᠷᠠᠯᠵᠢᠶᠠᠴᠢᠨ ᠤᠷᠢᠬᠤ | ᠭᠤᠤᠯᠳᠠᠯᠭ᠎ᠠ ᠪᠠᠨ ᠲᠤᠪᠤᠶᠢᠯᠭᠠᠨ᠂ ᠠᠶᠢᠮᠠᠭ ᠤᠨ ᠠᠷᠠᠯᠵᠢᠶᠠᠴᠢᠨ ᠤᠷᠢᠬᠤ ᠪᠦᠯᠬᠦᠮ ᠲᠠᠢ ᠨᠢᠭᠳᠠ ᠬᠠᠮᠵᠢᠯᠴᠠᠨ | ᠬᠠᠮᠳᠤᠷᠠᠯᠴᠠᠵᠤ᠂ ᠪᠦᠸᠧᠬᠠᠢ ᠲᠠᠩᠬᠢᠰ ᠤᠨ ᠲᠤᠭᠤᠷᠢᠨ᠂ ᠬᠦᠬᠡ ᠮᠦᠷᠡᠨ ᠤ ᠭᠤᠷᠪᠠᠯᠵᠢᠨ ᠬᠤᠶᠢᠭ᠂ ᠵᠦᠵᠢᠶᠠᠩ | ᠮᠦᠷᠡᠨ ᠤ ᠭᠤᠷᠪᠠᠯᠵᠢᠨ ᠬᠤᠶᠢᠭ ᠵᠡᠷᠬᠡ ᠭᠤᠤᠯᠳᠠᠯᠭ᠎ᠠ ᠲᠠᠢ ᠭᠠᠵᠠᠷ ᠤᠷᠤᠨ ᠢ ᠨᠢᠭᠳᠠ ᠠᠩᠬᠠᠷᠴᠤ᠂ ᠠᠵᠤ | ᠦᠢᠯᠡᠰ ᠤᠨ ᠪᠦᠳᠦᠴᠡ ᠶᠢ ᠰᠢᠯᠢᠳᠡᠭᠵᠢᠬᠦᠯᠬᠦ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠬᠤ | ᠪᠠᠷ ᠭᠤᠤᠯ ᠰᠢᠪᠳᠤᠯᠬᠤ ᠴᠢᠭᠯᠡᠯ ᠢᠶᠠᠨ ᠪᠤᠯᠭᠠᠵᠤ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠲᠤᠨᠤᠭᠯᠠᠯ | ᠦᠢᠯᠡᠳᠬᠦ᠂ ᠮᠠᠯ ᠲᠠᠷᠢᠶᠠᠯᠠᠩ ᠤᠨ ᠪᠦᠳᠦᠭᠡᠭᠳᠡᠬᠦᠨ ᠢ ᠪᠤᠯᠪᠠᠰᠤᠷᠠᠭᠤᠯᠬᠤ᠂ ᠰᠤᠶᠤᠯ ᠵᠢᠭᠤᠯᠴᠢᠯᠠᠯ᠂ ᠪᠤᠳᠠᠰ ᠤᠨ | ᠬᠦᠢᠯᠬᠡᠬᠡ ᠵᠡᠷᠬᠡ ᠬᠦᠷᠢᠶ᠎ᠡ ᠴᠡᠷ᠎ᠡ ᠶᠢ ᠭᠤᠤᠯᠳᠠᠯᠭ᠎ᠠ ᠲᠠᠢ ᠲᠤᠭᠤᠷᠢᠨ ᠠᠷᠠᠯᠵᠢᠶᠠᠴᠢᠨ ᠤᠷᠢᠬᠤ ᠠᠵᠢᠯ ᠢᠶᠠᠨ | ᠦᠷᠨᠢᠬᠦᠯᠦᠨ᠎ᠡ᠃ ᠠᠷᠠᠯᠵᠢᠶᠠᠴᠢᠨ ᠤᠷᠢᠬᠤ ᠠᠷᠭ᠎ᠠ ᠬᠡᠯᠪᠡᠷᠢ ᠪᠠᠨ ᠦᠷᠬᠡᠳᠬᠡᠵᠦ᠂ ᠲᠤᠰᠬᠠᠢ ᠲᠦᠷᠦᠯ ᠤᠨ | ᠠᠷᠠᠯᠵᠢᠶᠠᠴᠢᠨ ᠤᠷᠢᠬᠤ᠂ ᠬᠠᠨᠳᠤᠯᠭ᠎ᠠ ᠲᠠᠢ ᠪᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ | ᠤᠷᠢᠬᠤ᠂ ᠲᠤᠬᠠᠢ ᠶᠢᠨ ᠭᠠᠵᠠᠷ ᠲᠤᠨᠢ ᠰᠠᠭᠤᠵᠤ ᠠᠷᠠᠯᠵᠢᠶᠠᠴᠢᠨ ᠤᠷᠢᠬᠤ᠂ ᠭᠤᠤᠯ ᠰᠡᠳᠦᠪᠳᠦ ᠠᠷᠠᠯᠵᠢᠶᠠᠴᠢᠨ | ᠤᠷᠢᠬᠤ ᠵᠡᠷᠬᠡ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠠᠵᠢᠯ ᠤᠨ | ᠡᠷᠴᠢᠮ ᠢᠶᠠᠨ ᠴᠢᠩᠭᠠᠷᠠᠭᠤᠯᠤᠨ᠎ᠠ᠃ ᠬᠡᠷ᠎ᠡ ᠲᠤᠭᠳᠠᠨ ᠤᠷᠢᠵᠤ ᠤᠷᠤᠭᠤᠯᠬᠤ᠂ ᠪᠡᠯᠡ ᠤᠷᠤᠭᠤᠯᠤᠯᠳᠠ ᠶᠢᠨ | ᠪᠠᠶᠢᠳᠠᠯ ᠢ ᠬᠠᠷᠢᠭᠤ ᠲᠤᠰᠬᠠᠬᠤ᠂ ᠪᠠᠶᠢᠳᠠᠯ ᠢᠶᠠᠨ ᠮᠡᠳᠡᠬᠦᠯᠬᠦ ᠵᠡᠷᠬᠡ ᠬᠠᠮᠢᠶᠠᠷᠤᠯᠳᠠ ᠶᠢᠨ ᠲᠤᠭᠳᠠᠴᠠ ᠶᠢ | ᠪᠠᠶᠢᠭᠤᠯᠵᠤ᠂ ᠠᠷᠠᠯᠵᠢᠶᠠᠴᠢᠨ ᠤᠷᠢᠬᠤ ᠲᠦᠷᠦᠯ ᠵᠦᠢᠯ ᠤᠷᠤᠵᠦ ᠢᠷᠡᠨ ᠬᠡᠷᠡᠭᠵᠢᠬᠦᠯᠦᠭᠳᠡᠬᠦ ᠶᠢ ᠲᠦᠯᠬᠢᠨ | ᠠᠬᠢᠭᠤᠯᠤᠨ᠎ᠠ᠃ ᠬᠡᠷ᠎ᠡ ᠲᠤᠭᠳᠠᠭᠰᠠᠨ ᠲᠦᠷᠦᠯ ᠵᠦᠢᠯ ᠢ ᠪᠦᠬᠦ ᠲᠠᠯ᠎ᠠ ᠪᠠᠷ ᠲᠢᠭᠯᠡᠵᠦ᠂ ᠮᠦᠷᠳᠡᠨ ᠲᠠᠭᠠᠬᠤ | ᠦᠢᠯᠡᠴᠢᠯᠡᠭᠡ ᠪᠤᠯᠤᠨ ᠵᠤᠬᠢᠴᠠᠭᠤᠯᠤᠨ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠲᠦᠷᠦᠯ ᠵᠦᠢᠯ ᠤᠨ ᠬᠡᠷ᠎ᠡ | ᠲᠤᠭᠳᠠᠬᠤ ᠨᠤᠷᠮ᠎ᠠ ᠪᠤᠯᠤᠨ ᠪᠡᠯᠡ ᠮᠦᠩᠬᠦ ᠶᠢ ᠪᠡᠯᠡᠨ ᠪᠤᠯᠭᠠᠬᠤ ᠨᠤᠷᠮ᠎ᠠ ᠶᠢ ᠲᠡᠭᠡᠭᠰᠢᠯᠡᠬᠦᠯᠦᠨ᠎ᠡ᠃ | ᠠᠵᠤ ᠠᠬᠤᠢ ᠶᠢᠨ ᠡᠷᠬᠢᠯᠳ᠋ᠨ ᠶᠢ ᠬᠦᠴᠦ ᠭᠠᠷᠭᠠᠨ ᠲᠤᠭᠳᠠᠪᠤᠷᠢᠵᠢᠭᠤᠯᠤᠨ᠎ᠠ᠃ ᠠᠵᠤ ᠦᠢᠯᠡᠳᠪᠦᠷᠢ ᠶᠢᠨ ᠠᠵᠤ | ᠠᠬᠤᠢ ᠶᠢᠨ ᠡᠷᠬᠢᠯᠳᠡ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠳᠡ ᠶᠢ ᠲᠤᠭᠳᠠᠪᠤᠷᠢᠵᠢᠭᠤᠯᠬᠤ ᠪᠠᠷ | ᠭᠤᠤᠯᠳᠠᠯᠭ᠎ᠠ ᠪᠤᠯᠭᠠᠵᠤ᠂ ᠠᠵᠤ ᠠᠬᠤᠢ ᠶᠢᠨ ᠡᠷᠬᠢᠯᠳᠡ ᠶᠢᠨ ᠬᠦᠳᠡᠯᠦᠩᠬᠦᠢ ᠬᠢᠨᠠᠨ ᠡᠵᠡᠮᠰᠢᠯᠳᠡ ᠪᠤᠯᠤᠨ | ᠵᠠᠳᠠᠯᠤᠯᠳᠠ ᠲᠤᠬᠢᠷᠠᠭᠤᠯᠤᠯᠳᠠ ᠶᠢ ᠴᠢᠩᠭᠠᠳᠬᠠᠵᠤ᠂ ᠡᠯ᠎ᠡ ᠲᠦᠷᠦᠯ ᠤᠨ ᠭᠠᠶᠢᠯᠢ ᠰᠦᠢᠳᠬᠡᠯ ᠢ ᠪᠠᠭᠠᠰᠬᠠᠨ | ᠬᠡᠯᠳᠦᠷᠢᠬᠦᠯᠬᠦ ᠪᠤᠯᠤᠨ ᠴᠠᠬᠢᠯᠭᠠᠨ ᠬᠦᠴᠦᠨ ᠤ ᠶᠡᠷᠦᠩᠬᠡᠶᠢᠯᠡᠨ ᠲᠡᠳᠬᠦᠬᠦ ᠲᠦᠷᠦ ᠶᠢᠨ ᠪᠤᠳᠤᠯᠭ᠎ᠠ ᠶᠢ | ᠦᠷᠬᠦᠯᠵᠢᠯᠡᠨ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠬᠡᠷᠡᠭᠯᠡᠬᠦ ᠴᠠᠬᠢᠯᠭᠠᠨ ᠤ ᠦᠪᠡᠷ ᠤᠨ ᠦᠷᠳᠡᠭ ᠢ | ᠪᠦᠳᠦᠮᠵᠢᠳᠡᠢ ᠪᠠᠭᠠᠰᠬᠠᠨ᠂ ᠠᠵᠤ ᠠᠬᠤᠶᠢᠯᠠᠯ ᠢ ᠬᠠᠪᠰᠤᠷᠤᠨ ᠲᠠᠷᠤᠭᠠᠰᠤ ᠶᠢ ᠨᠢ ᠬᠦᠩᠬᠡᠯᠡᠨ ᠦᠷ᠎ᠡ ᠠᠰᠢᠭ ᠢ | ᠨᠡᠮᠡᠭᠳᠡᠬᠦᠯᠦᠨ᠎ᠡ᠃ ᠠᠵᠤ ᠠᠬᠤᠶᠢᠯᠠᠯ ᠳᠤ ᠬᠤᠯᠪᠤᠭᠳᠠᠬᠤ ᠰᠦᠢᠳᠬᠡᠯ ᠬᠤᠷᠢᠶᠠᠬᠤ ᠵᠤᠶᠢᠯ ᠤᠳ ᠤᠨ ᠨᠠᠷᠢᠨ | ᠲᠠᠩᠰᠠ ᠶᠢ ᠲᠤᠭᠳᠠᠭᠠᠵᠤ᠂ ᠲᠠᠩᠰᠠᠨ ᠠᠴᠠ ᠦᠬᠡᠷ᠎ᠡ ᠰᠦᠢᠳᠬᠡᠯ ᠬᠤᠷᠢᠶᠠᠬᠤ ᠦᠬᠡᠢ ᠪᠠᠶᠢᠬᠤ ᠶᠢ ᠦᠨᠡᠨᠬᠦ | ᠪᠡᠶᠡᠯᠡᠬᠦᠯᠦᠨ᠎ᠡ᠃ ᠲᠤᠮᠳᠠ ᠪᠠᠭ᠎ᠠ ᠠᠵᠤ ᠠᠬᠤᠶᠢᠯᠠᠯ ᠤᠨ ᠢᠳᠡᠬᠡᠮᠵᠢᠳᠦ ᠪᠠᠳᠤᠯᠠᠭ᠎ᠠ ᠶᠢ ᠴᠢᠩᠭᠠᠷᠠᠭᠤᠯᠵᠤ᠂ | ᠮᠦᠩᠬᠦᠨ ᠬᠦᠢᠯᠬᠡᠬᠡᠨ ᠤ ᠦᠢᠯᠡᠴᠢᠯᠡᠭᠡ ᠶᠢ ᠴᠢᠩᠭᠠᠳᠬᠠᠨ᠂ ︽ᠠᠵᠤ ᠠᠬᠤᠶᠢᠯᠠᠯ ᠢ ᠲᠡᠮᠵᠢᠵᠦ ᠠᠵᠢᠯ ᠤᠨ | ᠪᠠᠶᠢᠷᠢ ᠶᠢ ᠲᠤᠭᠳᠠᠪᠤᠷᠢᠵᠢᠭᠤᠯᠬᠤ︾ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠵᠤ᠂ ᠠᠵᠤ | ᠠᠬᠤᠶᠢᠯᠠᠯ ᠤᠨ ᠦᠢᠯᠡᠳᠪᠦᠷᠢᠯᠡᠯ᠂ ᠵᠠᠮ ᠲᠡᠭᠡᠭᠡᠪᠦᠷᠢ ᠵᠡᠷᠬᠡ ᠲᠠᠯ᠎ᠠ ᠪᠠᠷ ᠬᠢ ᠬᠦᠴᠢᠷᠳᠡᠯ ᠪᠤᠯᠤᠨ ᠠᠰᠠᠭᠤᠳᠠᠯ ᠢ | ᠰᠢᠢᠳᠪᠦᠷᠢᠯᠡᠨ᠂ ᠠᠵᠤ ᠠᠬᠤᠶᠢᠯᠠᠯ ᠢ ᠬᠠᠪᠰᠤᠷᠤᠨ ᠬᠦᠴᠢᠷ ᠰᠠᠭᠠᠳ ᠢ ᠲᠤᠭᠤᠯᠤᠨ ᠨᠡᠮᠡᠭᠳᠡᠯ ᠢ ᠠᠬᠢᠭᠤᠯᠤᠨ᠎ᠠ᠃ | | ᠬᠡᠷᠡᠭᠯᠡᠬᠡᠨ ᠤ ᠬᠡᠷᠡᠭᠴᠡᠭᠡ ᠶᠢ ᠪᠦᠳᠦᠮᠵᠢᠳᠡᠢ ᠦᠷᠬᠡᠳᠬᠡᠨ᠎ᠡ᠃ ᠤᠯᠤᠰ᠂ ᠦᠪᠡᠷᠳᠡᠬᠡᠨ ᠵᠠᠰᠠᠬᠤ ᠤᠷᠤᠨ ᠠᠴᠠ | ᠰᠠᠭᠤᠭᠠᠯᠢ ᠠᠷᠠᠳ ᠤᠨ ᠬᠡᠷᠡᠭᠯᠡᠭᠡ ᠶᠢ ᠵᠤᠷᠢᠭᠵᠢᠭᠤᠯᠬᠤ ᠡᠳ᠋ ᠤᠨ ᠵᠠᠰᠠᠭ ᠤᠨ ᠭᠠᠶᠢᠯᠢ᠂ ᠢᠳᠡᠬᠡᠮᠵᠢᠳᠦ | ᠵᠢᠬᠡᠯᠡᠯᠬᠡ ᠪᠤᠯᠤᠨ ᠢᠳᠡᠬᠡᠮᠵᠢ ᠶᠢᠨ ᠲᠦᠷᠦ ᠶᠢᠨ ᠪᠤᠳᠤᠯᠭ᠎ᠠ ᠶᠢ ᠢᠳᠡᠪᠬᠢᠳᠡᠢ ᠨᠠᠶᠢᠳᠠᠪᠤᠷᠢᠵᠢᠭᠤᠯᠤᠨ᠂ ᠵᠢᠭᠤᠯᠴᠢᠯᠠᠯ᠂ | ᠰᠤᠷᠠᠭ ᠵᠠᠩᠬᠢ᠂ ᠤᠷᠤᠨ ᠰᠠᠭᠤᠴᠠ᠂ ᠰᠤᠷᠭᠠᠨ ᠬᠦᠮᠦᠵᠢᠯ ᠰᠤᠶᠤᠯ ᠪᠡᠶ᠎ᠡ ᠶᠢᠨ ᠲᠠᠮᠢᠷ᠂ ᠨᠠᠰᠤᠳᠠᠶᠢᠴᠤᠤᠯ ᠢ | ᠠᠰᠠᠷᠠᠬᠤ ᠡᠷᠡᠬᠦᠯ ᠡᠩᠬᠡ᠂ ᠬᠡᠷ ᠤᠨ ᠠᠳᠠᠯ ᠠᠬᠤᠢ ᠶᠢᠨ ᠦᠢᠯᠡᠴᠢᠯᠡᠭᠡ ᠵᠡᠷᠬᠡ ᠬᠦᠷᠢᠶ᠎ᠡ ᠴᠡᠷ᠎ᠡ ᠶᠢᠨ ᠲᠤᠭᠤᠷᠢᠨ | ᠳᠤ᠂ ᠬᠡᠷᠡᠭᠯᠡᠬᠡᠨ ᠤ ᠰᠢᠨ᠎ᠡ ᠨᠡᠮᠡᠭᠳᠡᠯ ᠴᠡᠭ ᠢ ᠬᠦᠮᠦᠵᠢᠬᠦᠯᠦᠨ᠎ᠡ᠃ ︽ᠠᠯᠠᠱᠠ ᠵᠡᠬᠦᠨ ᠬᠤᠰᠢᠭᠤᠨ ᠤ ᠡᠷᠡᠬᠦᠯ | ᠮᠡᠨᠳᠦ ᠶᠢᠨ ᠠᠵᠤ ᠦᠢᠯᠡᠰ ᠤᠨ ᠬᠦᠭᠵᠢᠬᠦᠯᠦᠯᠳᠡ ᠶᠢᠨ ᠲᠦᠯᠦᠪᠵᠢᠬᠦᠯᠬᠡ︾ ᠶᠢ ᠨᠠᠶᠢᠷᠠᠭᠤᠯᠬᠤ ᠠᠵᠢᠯ ᠢᠶᠠᠨ | ᠡᠬᠢᠯᠡᠬᠦᠯᠵᠦ᠂ ᠤᠰᠤ ᠠᠭᠠᠷ ᠠᠭᠤᠯᠠ ᠰᠢᠷᠦᠢ ᠨᠢ ᠪᠤᠬᠢᠷᠳᠤᠯ ᠦᠬᠡᠢ ᠤᠩᠭᠤᠨ ᠪᠠᠶᠢᠭᠠᠯᠢᠯᠢᠭ ᠪᠠᠶᠢᠬᠤ ᠲᠠᠪᠠᠭᠤᠯᠢᠭ | ᠢᠶᠠᠨ ᠬᠦᠢᠴᠡᠳ ᠪᠠᠳᠠᠷᠠᠭᠤᠯᠤᠨ᠂ ᠡᠷᠡᠬᠦᠯ ᠮᠡᠨᠳᠦ ᠶᠢᠨ ᠠᠵᠤ ᠦᠢᠯᠡᠰ ᠤᠨ ᠬᠦᠭᠵᠢᠯᠳᠡ ᠶᠢ ᠪᠤᠶᠢᠵᠢᠭᠤᠯᠤᠨ᠎ᠠ᠃ | ᠢᠳᠡᠬᠡᠨ ᠤᠮᠳᠠᠭᠠᠨ᠂ ᠬᠤᠨᠤᠭᠯᠠᠬᠤ᠂ ᠪᠦᠬᠡᠮ ᠢᠶᠠᠷ ᠬᠤᠳᠠᠯᠳᠤᠬᠤ᠂ ᠰᠤᠯᠠ ᠪᠠᠷ ᠪᠤᠷᠤᠯᠠᠭᠤᠯᠬᠤ ᠵᠡᠷᠬᠡ | ᠤᠯᠠᠮᠵᠢᠯᠠᠯᠳᠤ ᠬᠡᠷᠡᠭᠯᠡᠭᠡ ᠲᠡᠰ ᠲᠠᠪᠰᠢᠬᠦ ᠶᠢ ᠲᠦᠯᠬᠢᠨ ᠠᠬᠢᠭᠤᠯᠵᠤ᠂ ᠦᠢᠯᠡᠴᠢᠯᠡᠭᠡ᠂ ᠢᠳᠡᠬᠡᠮᠵᠢᠳᠦ ᠵᠢᠬᠡᠯᠡᠯᠬᠡ᠂ | ᠲᠦᠷᠢᠶᠡᠰᠦᠯᠡᠬᠦ ᠵᠡᠷᠬᠡ ᠰᠢᠨ᠎ᠡ ᠬᠡᠯᠪᠡᠷᠢ ᠶᠢᠨ ᠬᠡᠷᠡᠭᠯᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠤᠨ᠂ | ᠦᠪᠡᠷᠮᠢᠴᠡ᠂ ᠤᠯᠠᠨ ᠶᠠᠩᠵᠤᠳᠤ ᠬᠡᠷᠡᠭᠯᠡᠬᠡᠨ ᠤ ᠱᠠᠭᠠᠷᠳᠠᠯᠭ᠎ᠠ ᠳᠤ ᠵᠤᠬᠢᠴᠠᠭᠤᠯᠤᠨ᠎ᠠ᠃ ᠮᠠᠯᠵᠢᠬᠤ ᠲᠠᠷᠢᠶᠠᠯᠠᠬᠤ | ᠤᠷᠤᠨ ᠤ ᠠᠷᠠᠳ ᠲᠤ ᠲᠦᠬᠦᠮ ᠦᠵᠡᠬᠦᠯᠬᠦ ᠬᠡᠳᠦ ᠲᠡᠯᠬᠡᠬᠦᠷ ᠤᠨ ᠪᠦᠳᠦᠬᠡᠨ ᠪᠠᠶᠢᠭᠤᠯᠤᠯᠳᠠ ᠶᠢ ᠦᠷᠬᠦᠯᠵᠢᠯᠡᠨ | ᠭᠡᠷᠡᠭᠵᠢᠬᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠬᠡᠨ ᠤ ᠵᠠᠬ᠎ᠠ ᠲᠡᠯᠬᠡᠬᠦᠷ ᠢ ᠶᠡᠬᠡᠪᠡᠷ ᠨᠡᠬᠡᠬᠡᠨ | ᠬᠦᠭᠵᠢᠬᠦᠯᠦᠨ᠎ᠡ᠃ ᠬᠤᠳᠠᠯᠳᠤᠭᠠᠴᠢᠳ ᠤᠨ ᠮᠠᠰᠢᠨ ᠲᠡᠷᠬᠡ ᠲᠡᠯᠬᠡᠨ ᠪᠤᠷᠤᠯᠠᠭᠤᠯᠬᠤ᠂ ᠬᠤᠳᠠᠯᠳᠤᠨ ᠠᠪᠬᠤ ᠡᠳᠦᠷ᠂ | ᠠᠮᠳᠠᠳᠤ ᠢᠳᠡᠬᠡᠨ ᠤ ᠨᠠᠶᠢᠷ ᠵᠡᠷᠬᠡ ᠡᠯ᠎ᠡ ᠲᠦᠷᠦᠯ ᠤᠨ ᠪᠤᠷᠤᠯᠠᠭᠤᠯᠭ᠎ᠠ ᠶᠢᠨ ᠠᠵᠢᠯᠯᠠᠭ᠎ᠠ ᠦᠷᠨᠢᠬᠦᠯᠬᠦ ᠶᠢ | ᠵᠤᠷᠢᠭᠵᠢᠭᠤᠯᠵᠤ᠂ ᠠᠯᠠᠱᠠ ᠨᠤᠳᠤᠭ ᠤᠨ ᠬᠦᠮᠦᠰ ᠦᠪᠡᠷ ᠤᠨ ᠨᠤᠳᠤᠭ ᠲᠠᠭᠠᠨ ᠵᠢᠭᠤᠯᠴᠢᠯᠠᠬᠤ ᠶᠢ ᠬᠦᠳᠦᠯᠦᠨ | ᠵᠢᠯᠤᠭᠤᠳᠴᠤ᠂ ᠲᠤᠰ ᠭᠠᠵᠠᠷ ᠤᠨ ᠭᠡᠷᠡᠭᠯᠡᠬᠡᠨ ᠤ ᠵᠠᠬ᠎ᠠ ᠲᠡᠯᠬᠡᠬᠦᠷ ᠢ ᠦᠷᠬᠡᠳᠬᠡᠨ᠎ᠡ᠃ ᠵᠠᠬ᠎ᠠ ᠲᠡᠯᠬᠡᠬᠦᠷ ᠤᠨ | ᠡᠮᠬᠢ ᠲᠢᠭᠯᠢᠮ ᠢ ᠡᠷᠴᠢᠮᠳᠡᠢ ᠴᠡᠭᠴᠡᠯᠡᠵᠦ ᠲᠦᠷᠢᠮᠵᠢᠬᠦᠯᠦᠨ᠂ ᠲᠠᠸᠠᠷ ᠤᠨ ᠴᠢᠨᠠᠷ ᠴᠢᠨᠰᠠᠭ᠎ᠠ ᠪᠤᠯᠤᠨ ᠦᠨ᠎ᠡ ᠶᠢᠨ | ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠲᠦᠬᠦᠮ ᠲᠦᠳᠡ ᠠᠮᠤᠷ ᠲᠦᠪᠰᠢᠨ ᠰᠡᠳᠬᠢᠯ ᠠᠮᠤᠷ ᠬᠡᠷᠡᠭᠯᠡᠬᠡᠨ ᠤ | ᠤᠷᠴᠢᠨ ᠢ ᠪᠤᠢ ᠪᠤᠯᠭᠠᠨ᠎ᠠ᠃ | ︵ᠬᠤᠶᠠᠷ︶ ᠠᠵᠤ ᠦᠢᠯᠡᠰ ᠤᠨ ᠪᠦᠳᠦᠴᠡ ᠶᠢᠨ ᠳᠤᠬᠢᠷᠠᠭᠤᠯᠤᠯᠳᠠ ᠶᠢ ᠳᠦᠷᠬᠡᠳᠬᠡᠵᠤ᠂ ᠠᠵᠤ ᠠᠬᠤᠢ ᠶᠢᠨ | ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠬᠡᠭᠰᠢᠯᠡᠬᠦᠯᠦᠨ᠎ᠡ | ᠬᠠᠳᠠᠭᠠᠯᠠᠮᠵᠢ ᠶᠢᠨ ᠬᠡᠮᠵᠢᠶ᠎ᠡ ᠪᠠᠨ ᠳᠤᠭᠳᠠᠪᠤᠷᠢᠵᠢᠭᠤᠯᠬᠤ ᠪᠠ ᠨᠡᠮᠡᠭᠳᠡᠯ ᠤᠨ ᠬᠡᠮᠵᠢᠶ᠎ᠡ ᠪᠠᠨ ᠦᠷᠬᠡᠳᠬᠡᠬᠦ ᠶᠢ | ᠵᠡᠷᠬᠡᠪᠡᠷ ᠶᠠᠪᠤᠭᠤᠯᠬᠤ ᠶᠢ ᠪᠠᠷᠢᠮᠳᠠᠯᠠᠵᠤ᠂ ᠨᠡᠮᠡᠭᠳᠡᠯ ᠤᠨ ᠬᠡᠮᠵᠢᠶ᠎ᠡ ᠪᠠᠨ ᠦᠷᠬᠡᠳᠬᠡᠵᠤ ᠪᠦᠳᠦᠴᠡ ᠪᠠᠨ | ᠳᠤᠬᠢᠷᠠᠭᠤᠯᠬᠤ ᠳᠤ ᠳᠦᠰᠢᠭᠯᠡᠨ᠂ ᠤᠨᠴᠠᠯᠢᠭᠳᠤ ᠮᠠᠯᠵᠢᠯ ᠳᠠᠷᠢᠶᠠᠯᠠᠩ᠂ ᠰᠢᠨ᠎ᠡ ᠬᠡᠯᠪᠡᠷᠢ ᠶᠢᠨ ᠠᠵᠤ ᠦᠢᠯᠡᠳᠪᠦᠷᠢ᠂ | ᠤᠳᠤᠬᠢᠴᠢᠯᠠᠭᠰᠠᠠ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠢᠳᠡᠪᠬᠢᠳᠡᠢ ᠠᠬᠢᠭᠤᠯᠵᠤ᠂ ᠠᠵᠤ ᠦᠢᠯᠡᠰ ᠤᠨ | ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦᠯᠬᠦ᠂ ᠴᠢᠨᠠᠷ ᠢᠶᠠᠨ ᠳᠡᠬᠡᠭᠰᠢᠯᠡᠬᠦᠯᠵᠤ ᠦᠷ᠎ᠡ ᠠᠰᠢᠭ ᠢᠶᠠᠨ | ᠨᠡᠮᠡᠭᠳᠡᠬᠦᠯᠬᠦ ᠶᠢ ᠳᠦᠷᠬᠡᠳᠬᠡᠨ᠎ᠡ᠃ | ᠤᠨᠴᠠᠯᠢᠭᠳᠤ ᠳᠠᠷᠢᠶᠠᠯᠠᠩ ᠮᠠᠯ ᠠᠵᠤ ᠠᠬᠤᠢ ᠶᠢ ᠢᠳᠡᠪᠬᠢᠳᠡᠢ ᠬᠦᠭᠵᠢᠬᠦᠯᠦᠨ᠎ᠡ᠃ ︽ᠠᠯᠠᠱᠠ ᠵᠡᠬᠦᠨ | ᠬᠤᠰᠢᠭᠤᠨ ᠤ ᠡᠯᠡᠰᠦᠨ ᠤ ᠠᠵᠤ ᠦᠢᠯᠡᠰ ᠤᠨ ᠬᠦᠭᠵᠢᠬᠦᠯᠦᠯᠳᠡ ᠶᠢᠨ ᠳᠦᠯᠦᠪᠵᠢᠬᠦᠯᠬᠡ︾ ᠶᠢ ᠨᠠᠶᠢᠷᠠᠭᠤᠯᠬᠤ | ᠠᠵᠢᠯ ᠢ ᠳᠠᠭᠤᠰᠬᠠᠵᠤ᠂ ᠵᠠᠭᠤᠨ ᠳᠦᠮᠡᠨ ᠮᠤ᠋ ᠵᠠᠭ ᠴᠠᠭᠠᠨ ᠭᠤᠶᠤᠤ ᠳᠠᠷᠢᠬᠤ ᠠᠵᠤ ᠦᠢᠯᠡᠰ ᠤᠨ ᠰᠠᠭᠤᠷᠢᠨ | ᠭᠠᠵᠠᠷ ᠪᠠ ᠠᠯᠠᠱᠠ ᠶᠢᠨ ᠡᠯᠡᠰᠦᠨ ᠤ ᠤᠷᠭᠤᠮᠠᠯ ᠤᠨ ᠵᠢᠱᠢᠶ᠎ᠡ ᠦᠵᠡᠬᠦᠯᠬᠦ ᠳᠠᠷᠢᠮᠠᠯ ᠤᠨ ᠬᠦᠷᠢᠶᠡᠯᠡᠩ ᠤᠨ ᠪᠦᠳᠦᠬᠡᠨ | ᠪᠠᠶᠢᠭᠤᠯᠤᠯᠳᠠ ᠶᠢ ᠪᠦᠬᠦ ᠬᠦᠴᠦ ᠪᠠᠷ ᠰᠠᠶᠢᠳᠤᠷ ᠠᠳᠬᠤᠨ᠎ᠠ᠃ ᠬᠦᠮᠡᠯᠢ᠂ ᠡᠯᠡᠰᠦᠨ ᠯᠤᠤᠪᠠᠩ ᠵᠡᠷᠬᠡ ᠤᠭ | ᠭᠠᠷᠤᠯᠳᠠ ᠶᠢᠨ ᠤᠷᠤᠨ ᠤ ᠭᠠᠵᠠᠷ ᠵᠦᠢ ᠶᠢᠨ ᠳᠡᠮᠳᠡᠭ ᠤᠨ ᠬᠡᠷᠡᠴᠢᠯᠡᠯᠳᠡ ᠤᠯᠬᠤ ᠠᠵᠢᠯ ᠢ ᠦᠷᠨᠢᠬᠦᠯᠦᠨ᠎ᠡ᠃ | ᠤᠰᠤ ᠠᠷᠪᠢᠯᠠᠬᠤ ᠲᠠᠷᠢᠮᠠᠯ ᠵᠢᠴᠢ ᠬᠤᠨᠴᠢᠷ᠂ ᠤᠯᠠᠭᠠᠨ ᠮᠦᠬᠦᠯᠵᠢ ᠵᠡᠷᠬᠡ ᠬᠢᠳᠠᠳ ᠡᠮ ᠤᠨ ᠮᠠᠲ᠋ᠧᠷᠢᠶᠠᠯ ᠢ | ᠳᠤᠷᠰᠢᠨ ᠳᠠᠷᠢᠬᠤ ᠪᠤᠶᠤ ᠵᠠᠶᠢᠯᠠᠬᠤ ᠪᠠ ︽ᠭᠤᠷᠪᠠ ᠭᠤᠷᠪᠠ ᠶᠢᠨ ᠲᠦᠷᠢᠮ︾ ᠤᠨ ᠳᠠᠷᠢᠬᠤ ᠬᠡᠯᠪᠡᠷᠢ ᠶᠢᠨ | ᠳᠤᠷᠰᠢᠯᠳᠠ ᠶᠢᠨ ᠴᠡᠭ ᠢ ᠰᠠᠶᠢᠳᠤᠷ ᠬᠢᠬᠦ ᠰᠠᠭᠤᠷᠢᠨ ᠳᠡᠬᠡᠷ᠎ᠡ᠂ ᠤᠰᠤᠨ ᠳᠤ ᠠᠷᠪᠢᠳᠠᠢ ᠳᠠᠷᠢᠮᠠᠯ ᠪᠠ | ᠢᠨᠵᠧᠨᠧᠷᠢᠩ ᠤᠨ ᠤᠰᠤ ᠠᠷᠪᠢᠯᠠᠬᠤ ᠶᠢ ᠶᠡᠬᠡᠪᠡᠷ ᠳᠡᠯᠬᠡᠷᠡᠬᠦᠯᠵᠤ᠂ 800 ᠮᠤ᠋ ᠴᠢᠪᠠᠭ᠎ᠠ ᠳᠤᠷᠰᠢᠨ ᠳᠠᠷᠢᠵᠤ᠂ | ᠦᠨᠳᠦᠷ ᠪᠦᠳᠦᠮᠵᠢᠳᠤ ᠤᠰᠤᠨ ᠳᠤ ᠠᠷᠪᠢᠳᠠᠢ ᠳᠠᠷᠢᠶᠠᠯᠠᠩ ᠢ ᠬᠦᠭᠵᠢᠬᠦᠯᠦᠨ᠂ ᠳᠤᠷᠰᠢᠯᠳᠠ ᠶᠢᠨ ᠴᠡᠭ ᠤᠨ | ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠳᠤᠤᠷᠠᠬᠢ ᠤᠰᠤ ᠶᠢ ᠠᠰᠢᠭᠯᠠᠵᠤ ᠨᠦᠬᠦᠪᠦᠷᠢᠯᠡᠬᠦ ᠶᠢ | ᠳᠡᠩᠴᠡᠬᠦᠷᠢᠳᠡᠢ ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠬᠦᠯᠦᠨ᠎ᠡ᠃ ᠵᠠᠬ᠎ᠠ ᠳᠡᠯᠬᠡᠬᠦᠷ ᠤᠨ ᠵᠢᠯᠤᠭᠤᠳᠬᠤ | ᠦᠢᠯᠡᠳᠦᠯ ᠢ ᠪᠠᠳᠠᠷᠠᠭᠤᠯᠵᠤ᠂ ᠳᠠᠷᠢᠶᠠᠯᠠᠬᠤ ᠤᠷᠤᠨ ᠤ ᠤᠰᠤᠨ ᠤ ᠡᠷᠬᠡ ᠶᠢᠨ ᠠᠷᠠᠯᠵᠢᠶᠠᠨ ᠤ ᠳᠦᠷᠢᠮ ᠢ | ᠰᠦᠪᠡᠭᠴᠢᠯᠡᠨ ᠪᠠᠶᠢᠭᠤᠯᠵᠤ᠂ ᠠᠵᠤ ᠠᠬᠤᠢ ᠶᠢᠨ ᠠᠷᠭ᠎ᠠ ᠪᠠᠷᠢᠯ ᠢᠶᠠᠷ ᠭᠤᠤᠯ ᠪᠤᠯᠭᠠᠭᠰᠠᠨ ᠤᠰᠤ ᠠᠷᠪᠢᠯᠠᠬᠤ | ᠳᠤᠭᠳᠠᠴᠠ ᠶᠢ ᠪᠤᠢ ᠪᠤᠯᠭᠠᠨ᠎ᠠ᠃ ᠴᠠᠬᠠᠷ ᠤᠨ ᠬᠦᠳᠡᠬᠡᠨ ᠤ 2.8 ᠳᠦᠮᠡᠨ ᠮᠤ᠋ ᠦᠨᠳᠦᠷ ᠪᠠᠷᠢᠮᠵᠢᠶᠠᠳᠤ ᠦᠨᠳᠦᠰᠦᠨ | ᠳᠠᠷᠢᠶᠠᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠬᠡᠷᠡᠭᠵᠢᠬᠦᠯᠦᠨ᠎ᠡ᠃ ᠬᠠᠰᠢᠶᠠᠯᠠᠨ ᠳᠡᠵᠢᠬᠡᠬᠦ ᠦᠢᠯᠡᠰ ᠢ ᠶᠡᠭᠡ | ᠬᠦᠴᠦ ᠪᠠᠷ ᠬᠦᠭᠵᠢᠬᠦᠯᠵᠤ᠂ ᠠᠯᠠᠰᠢᠨ ᠬᠤᠨᠢ᠂ ᠢᠮᠠᠭ᠎ᠠ᠂ ᠦᠬᠡᠷ᠂ ᠭᠠᠭ᠋ᠠᠢ ᠶᠢᠨ ᠬᠡᠪᠴᠢᠶᠡᠵᠢᠵᠤ | ᠪᠠᠷᠢᠮᠵᠢᠶᠠᠵᠢᠭᠰᠠᠨ ᠳᠡᠵᠢᠬᠡᠨ ᠦᠷᠡᠵᠢᠬᠦᠯᠦᠯᠳᠡ ᠶᠢ ᠠᠬᠢᠭᠤᠯᠤᠨ᠎ᠠ᠃ ᠳᠡᠮᠡᠭᠡ᠂ ᠨᠤᠯᠤᠤᠷ ᠤᠨ ᠴᠠᠭᠠᠨ ᠢᠮᠠᠭ᠎ᠠ ᠵᠡᠷᠬᠡ | ᠳᠤᠬᠠᠢ ᠶᠢᠨ ᠭᠠᠵᠠᠷ ᠤᠷᠤᠨ ᠤ ᠰᠢᠯᠢᠳᠡᠭ ᠮᠠᠯ ᠤᠨ ᠡᠬᠦᠯᠳᠡᠷ ᠤᠨ ᠬᠠᠮᠠᠭᠠᠯᠠᠯᠳᠠ ᠪᠠ ᠨᠡᠬᠡᠬᠡᠨ ᠠᠰᠢᠭᠯᠠᠯᠳᠠ ᠶᠢ | ᠴᠢᠩᠭᠠᠳᠬᠠᠵᠤ᠂ ᠬᠤᠤᠰ ᠪᠦᠬᠦᠳᠤ ᠳᠡᠮᠡᠬᠡᠨ ᠤ ᠨᠤᠯᠤᠤᠷ ᠢ ᠬᠤᠷᠢᠶᠠᠵᠤ ᠬᠠᠳᠠᠭᠠᠯᠠᠬᠤ ᠠᠵᠢᠯ ᠢ ᠰᠠᠶᠢᠳᠤᠷ ᠬᠢᠵᠤ᠂ | ᠠᠯᠠᠱᠠ ᠨᠤᠳᠤᠭ ᠤᠨ ᠬᠡᠯᠪᠡᠷᠢᠳᠤ ᠠᠯᠠᠰᠢᠨ ᠬᠤᠨᠢ ᠢᠮᠠᠭ᠎ᠠ ᠶᠢ ᠦᠷᠡᠵᠢᠬᠦᠯᠦᠨ ᠪᠤᠶᠢᠵᠢᠭᠤᠯᠬᠤ ᠵᠢᠴᠢ ᠨᠡᠷᠡᠶᠢᠳᠬᠦ | ᠠᠵᠢᠯ ᠢ ᠦᠷᠨᠢᠬᠦᠯᠵᠤ᠂ ᠶᠡᠷᠦᠩᠬᠡᠢ ᠨᠡᠷᠡᠳᠤ ᠳᠡᠮᠳᠡᠭ ᠤᠨ ᠦᠷ᠎ᠡ ᠠᠰᠢᠭ ᠢ ᠳᠡᠬᠡᠭᠰᠢᠯᠡᠬᠦᠯᠦᠨ᠎ᠡ᠃ ᠬᠦᠨᠳᠤ ᠶᠡᠭᠡ | ᠠᠮᠢᠳᠠᠨ ᠤ ᠬᠢᠵᠢᠭ ᠢ ᠰᠡᠷᠬᠡᠶᠢᠯᠡᠨ ᠡᠵᠡᠮᠰᠢᠬᠦ ᠪᠠ ᠳᠤᠯᠬᠢᠶᠠᠨ ᠬᠠᠯᠠᠭᠤᠨ ᠵᠡᠷᠬᠡ ᠬᠦᠮᠦᠨ ᠠᠮᠢᠳᠠᠨ ᠳᠤ | ᠬᠠᠯᠳᠠᠪᠤᠷᠢᠯᠠᠬᠤ ᠡᠪᠡᠳᠴᠢᠨ ᠢ ᠰᠡᠷᠬᠡᠶᠢᠯᠡᠵᠤ ᠵᠠᠰᠠᠬᠤ ᠠᠵᠢᠯ ᠢ ᠴᠢᠩᠭᠠᠳᠬᠠᠵᠤ᠂ ᠮᠠᠯ ᠤᠨ ᠠᠰᠢᠭ ᠰᠢᠮ᠎ᠡ | ᠳᠠᠷᠢᠶᠠᠯᠠᠩ ᠤᠨ ᠪᠦᠳᠦᠬᠡᠭᠳᠡᠬᠦᠨ ᠤ ᠴᠢᠨᠠᠷ ᠴᠢᠨᠰᠠᠭ᠎ᠠ ᠪᠠ ᠠᠮᠤᠷ ᠳᠦᠪᠰᠢᠨ ᠤ ᠬᠢᠨᠠᠯᠳᠠ ᠬᠠᠮᠢᠶᠠᠷᠤᠯᠳᠠ ᠶᠢ | ᠯᠠᠪᠳᠠᠭᠤᠨ ᠰᠠᠶᠢᠳᠤᠷ ᠬᠢᠨ᠎ᠡ᠃ ᠱᠧᠩ ᠮᠤ᠋ ᠭᠤᠤ ᠺᠧ᠂ ᠬᠤᠸᠠ ᠬᠤᠩ᠂ ᠮᠧᠩ ᠷᠦᠩ ᠵᠡᠷᠬᠡ ᠠᠵᠤ | ᠦᠢᠯᠡᠰᠵᠢᠬᠦᠯᠬᠦ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠳᠦᠷᠬᠡᠳᠬᠡᠨ᠂ ᠬᠦᠮᠡᠯᠢ ᠶᠢ ᠬᠦᠨᠵᠡᠬᠡᠢ | ᠪᠤᠯᠪᠠᠰᠤᠷᠠᠭᠤᠯᠬᠤ ᠳᠦᠷᠦᠯ ᠵᠦᠢᠯ ᠢ ᠪᠦᠳᠦᠬᠡᠨ ᠪᠠᠶᠢᠭᠤᠯᠵᠤ ᠠᠰᠢᠭᠯᠠᠯᠳᠠ ᠳᠤ ᠤᠷᠤᠭᠤᠯᠬᠤ ᠶᠢ ᠬᠦᠴᠦ ᠳᠠᠯᠪᠢᠨ | ᠠᠬᠢᠭᠤᠯᠵᠤ᠂ ᠬᠤᠩ ᠺᠦᠢ ᠴᠠᠭᠠᠨ ᠭᠤᠶᠤᠤ᠂ ᠲᠦᠸᠧ ᠵᠦᠩ ᠸᠠᠩ᠂ ᠮᠠᠨᠳᠤᠯ ᠵᠡᠷᠬᠡ ᠳᠤᠯᠤᠭᠠᠶᠢᠯᠠᠭᠴᠢ ᠠᠵᠤ | ᠠᠬᠤᠶᠢᠯᠠᠯ ᠤᠨ ᠬᠦᠭᠵᠢᠨ ᠪᠤᠵᠠᠭᠠᠶᠢᠷᠠᠬᠤ ᠶᠢ ᠳᠡᠮᠵᠢᠵᠤ᠂ ᠤᠨᠴᠠᠯᠢᠭᠳᠤ ᠰᠤᠳᠤᠨ ᠬᠦᠭᠵᠢᠯᠳᠡ ᠶᠢᠨ ᠵᠠᠮ ᠢᠶᠠᠷ | ᠵᠠᠮᠨᠠᠨ᠎ᠠ᠃ ᠮᠠᠯᠴᠢᠨ ᠳᠠᠷᠢᠶᠠᠴᠢᠨ ᠤ ᠳᠤᠰᠬᠠᠶᠢᠵᠢᠭᠰᠠᠨ ᠬᠤᠷᠰᠢᠶᠠᠵᠢᠯ ᠤᠨ ᠦᠪᠡᠷᠳᠡᠬᠡᠨ ᠬᠦᠭᠵᠢᠬᠦ ᠴᠢᠳᠠᠪᠤᠷᠢ ᠪᠠᠨ | ᠳᠡᠬᠡᠭᠰᠢᠯᠡᠬᠦᠯᠬᠦ ᠶᠢ ᠳᠡᠮᠵᠢᠵᠤ᠂ ᠰᠢᠨ᠎ᠡ ᠬᠡᠯᠪᠡᠷᠢ ᠶᠢᠨ ᠠᠵᠢᠯ ᠮᠡᠷᠬᠡᠵᠢᠯ ᠤᠨ ᠮᠠᠯᠴᠢᠨ ᠳᠠᠷᠢᠶᠠᠴᠢᠨ ᠢ ᠢᠳᠡᠪᠬᠢᠳᠡᠢ | ᠬᠦᠮᠦᠵᠢᠬᠦᠯᠦᠨ᠎ᠡ᠃ ᠭᠠᠵᠠᠷ ᠰᠢᠷᠤᠢ᠂ ᠨᠤᠳᠤᠭ ᠪᠡᠯᠴᠢᠬᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢ ᠨᠤᠳᠠᠯᠠᠨ | ᠳᠤᠭᠳᠠᠭᠠᠬᠤ ᠠᠵᠢᠯ ᠢ ᠪᠦᠬᠦ ᠳᠠᠯ᠎ᠠ ᠪᠠᠷ ᠳᠠᠭᠤᠰᠬᠠᠨ᠎ᠠ᠃ ᠮᠠᠯᠵᠢᠬᠤ ᠳᠠᠷᠢᠶᠠᠯᠠᠬᠤ ᠤᠷᠤᠨ ᠤ ᠭᠠᠵᠠᠷ ᠰᠢᠷᠤᠢ | ᠨᠤᠳᠤᠭ ᠪᠡᠯᠴᠢᠬᠡᠷ ᠤᠨ ᠡᠷᠬᠢᠯᠳᠡ ᠶᠢᠨ ᠳᠠᠪᠴᠠᠩ ᠢ ᠪᠤᠢ ᠪᠤᠯᠭᠠᠵᠤ᠂ ᠭᠠᠵᠠᠷ ᠰᠢᠷᠤᠢ᠂ ᠨᠤᠳᠤᠭ ᠪᠡᠯᠴᠢᠬᠡᠷ ᠤᠨ | ᠡᠷᠬᠢᠯᠳᠡ ᠶᠢ ᠵᠤᠷᠢᠭᠵᠢᠭᠤᠯᠬᠤ ᠪᠠ ᠳᠦᠷᠢᠮᠵᠢᠬᠦᠯᠵᠤ᠂ ᠵᠤᠬᠢᠰᠳᠠᠢ ᠬᠡᠪᠴᠢᠶᠡᠵᠢᠯᠳᠤ ᠡᠵᠡᠩᠨᠡᠯᠳᠡ ᠶᠢ | ᠬᠦᠭᠵᠢᠬᠦᠯᠦᠨ᠎ᠡ᠃ ᠦᠪᠦᠷ ᠮᠤᠩᠭᠤᠯ ︵ᠪᠡᠬᠡᠵᠢᠩ︶ ᠤᠨ ᠪᠤᠬᠢᠷᠳᠤᠯ ᠦᠬᠡᠢ ᠮᠠᠯ ᠤᠨ ᠠᠰᠢᠭ ᠰᠢᠮ᠎ᠡ | ᠳᠠᠷᠢᠶᠠᠯᠠᠩ ᠤᠨ ᠪᠦᠳᠦᠬᠡᠭᠳᠡᠬᠦᠨ ᠤ ᠠᠭᠤᠳᠠᠮ ᠳᠠᠯᠠᠪᠠᠢ ᠶᠢ ᠠᠰᠢᠭᠯᠠᠨ᠂ ᠳᠤᠬᠠᠢ ᠶᠢᠨ ᠭᠠᠵᠠᠷ ᠤᠷᠤᠨ ᠤ | ᠤᠨᠴᠠᠯᠢᠭᠳᠤ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠢ ᠭᠠᠳᠠᠭᠰᠢ ᠪᠤᠷᠤᠯᠠᠭᠤᠯᠬᠤ ᠵᠠᠬ᠎ᠠ | ᠳᠡᠯᠬᠡᠬᠦᠷ ᠢ ᠢᠳᠡᠪᠬᠢᠳᠡᠢ ᠦᠷᠬᠡᠳᠬᠡᠨ᠎ᠡ᠃ ᠮᠡᠷᠬᠡᠵᠢᠯ ᠢ ᠳᠠᠳᠠᠨ ᠤᠷᠤᠭᠤᠯᠵᠤ ᠳᠡᠯᠬᠡᠷᠡᠬᠦᠯᠬᠦ᠂ ᠮᠡᠳᠡᠭᠡ ᠵᠠᠩᠬᠢ ᠶᠢᠨ | ᠠᠰᠠᠭᠤᠨ ᠯᠠᠪᠯᠠᠯᠳᠠ᠂ ᠳᠠᠷᠢᠶᠠᠯᠠᠩ ᠤᠨ ᠪᠦᠳᠦᠬᠡᠭᠳᠡᠬᠦᠨ ᠤ ᠬᠦᠢᠯᠬᠡᠬᠡ ᠵᠡᠷᠬᠡ ᠮᠠᠯᠵᠢᠯ ᠳᠠᠷᠢᠶᠠᠯᠠᠩ ᠤᠨ | ᠨᠡᠶᠢᠬᠡᠮᠴᠢᠯᠡᠭᠰᠡᠨ ᠦᠢᠯᠡᠴᠢᠯᠡᠬᠡᠨ ᠤ ᠳᠤᠭᠳᠠᠯᠴᠠᠭᠠᠨ ᠤ ᠪᠠᠶᠢᠭᠤᠯᠤᠯᠳᠠ ᠶᠢ ᠴᠢᠩᠭᠠᠳᠬᠠᠵᠤ᠂ ᠮᠠᠯᠵᠢᠬᠤ ᠳᠠᠷᠢᠶᠠᠯᠠᠬᠤ | ᠤᠷᠤᠨ ᠤ ᠬᠦᠭᠵᠢᠯᠳᠡ ᠶᠢᠨ ᠰᠠᠭᠤᠷᠢᠨ ᠶᠢ ᠪᠠᠬᠢᠵᠢᠬᠦᠯᠦᠨ᠎ᠡ᠃ | ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠬᠦ ᠶᠢ ᠳᠦᠷᠬᠡᠳᠬᠡᠨ᠎ᠡ᠃ ᠪᠦᠳᠦᠴᠡ ᠪᠠᠨ | ᠳᠤᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠬᠤ ᠪᠠᠷ ᠭᠤᠤᠯ ᠱᠤᠭᠤᠮ ᠪᠤᠯᠭᠠᠬᠤ ᠶᠢ ᠪᠠᠷᠢᠮᠳᠠᠯᠠᠨ᠂ ᠤᠯᠠᠮᠵᠢᠯᠠᠯᠳᠤ | ᠠᠵᠤ ᠦᠢᠯᠡᠰ ᠤᠨ ᠴᠢᠨᠠᠷ ᠢᠶᠠᠨ ᠳᠡᠬᠡᠭᠰᠢᠯᠡᠬᠦᠯᠵᠤ ᠦᠷ᠎ᠡ ᠠᠰᠢᠭ ᠢᠶᠠᠨ ᠨᠡᠮᠡᠭᠳᠡᠬᠦᠯᠬᠦ᠂ ᠰᠢᠨ᠎ᠡ ᠬᠡᠯᠪᠡᠷᠢ ᠶᠢᠨ | ᠠᠵᠤ ᠦᠢᠯᠡᠰ ᠤᠨ ᠬᠦᠭᠵᠢᠨ ᠪᠤᠵᠠᠭᠠᠶᠢᠷᠠᠬᠤ ᠶᠢ ᠳᠦᠯᠬᠢᠨ ᠠᠬᠢᠭᠤᠯᠵᠤ᠂ ᠤᠯᠠᠨ ᠳᠠᠯ᠎ᠠ ᠠᠴᠠ ᠳᠤᠯᠭᠠᠭᠤᠷᠢᠯᠠᠭᠰᠠᠨ | ᠂ ᠤᠯᠠᠨ ᠡᠰᠢᠵᠢᠨ ᠬᠦᠭᠵᠢᠭᠰᠡᠨ ᠠᠵᠤ ᠦᠢᠯᠡᠳᠪᠦᠷᠢ ᠶᠢᠨ ᠳᠤᠭᠳᠠᠯᠴᠠᠭ᠎ᠠ ᠶᠢ ᠪᠤᠶᠢᠵᠢᠭᠤᠯᠬᠤ ᠪᠠᠨ ᠳᠦᠷᠬᠡᠳᠬᠡᠵᠤ | ᠂ ᠠᠵᠤ ᠠᠬᠤᠢ ᠶᠢᠨ ᠳᠤᠭᠳᠠᠭᠤᠨ ᠨᠡᠮᠡᠭᠳᠡᠯ ᠢ ᠳᠤᠯᠭᠠᠭᠤᠷᠢᠯᠠᠵᠤ ᠳᠠᠶᠢᠴᠢᠯᠠᠨ᠎ᠠ᠃ 10 ᠠᠵᠤ ᠦᠢᠯᠡᠳᠪᠦᠷᠢ ᠶᠢᠨ | ᠭᠤᠤᠯᠳᠠᠯᠭ᠎ᠠ ᠲᠠᠢ ᠳᠦᠷᠦᠯ ᠵᠦᠢᠯ ᠢ ᠳᠦᠯᠦᠪᠯᠡᠨ ᠬᠡᠷᠡᠭᠵᠢᠬᠦᠯᠵᠤ᠂ ᠨᠡᠶᠢᠳᠡ 82 ᠳ᠋ᠦᠩᠰᠢᠭᠤᠷ ᠳᠦᠬᠦᠷᠢᠭ ᠤᠨ | ᠪᠡᠯᠡ ᠤᠷᠤᠭᠤᠯᠵᠤ᠂ ᠳᠤᠰ ᠵᠢᠯ ᠳᠤ 35 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ ᠪᠠᠷ ᠲᠦᠯᠦᠪᠯᠡᠨ᠎ᠡ᠃ | ᠯᠠᠨ ᠱᠠᠨ ᠨᠡᠬᠦᠷᠡᠰᠦᠨ ᠤ ᠦᠢᠯᠡᠰ ᠵᠡᠷᠬᠡ 4 ᠠᠵᠤ ᠠᠬᠤᠶᠢᠯᠠᠯ ᠤᠨ ︽ᠬᠤᠳᠳᠤᠭ ᠢ ᠵᠠᠳᠠᠭᠠᠢ ᠪᠤᠯᠭᠠᠵᠤ | ᠦᠬᠡᠷᠡᠴᠢᠯᠡᠬᠦ︾᠂ ᠹᠦ᠋ ᠴᠢᠤᠸᠠᠨ ᠵᠡᠷᠬᠡ 3 ᠺᠤᠮᠫᠠᠨᠢ ᠶᠢᠨ ᠳᠦᠬᠦᠬᠡᠢ ᠨᠡᠬᠦᠷᠡᠰᠦᠨ ᠤ ᠮᠡᠷᠬᠡᠵᠢᠯ ᠢᠶᠠᠨ ᠦᠬᠡᠷᠡᠴᠢᠯᠡᠵᠤ | ᠦᠷᠬᠡᠳᠬᠡᠨ ᠪᠠᠶᠢᠭᠤᠯᠬᠤ ᠠᠵᠢᠯ ᠢ ᠭᠤᠤᠯᠳᠠᠯᠭ᠎ᠠ ᠲᠠᠢ ᠰᠠᠶᠢᠳᠤᠷ ᠠᠳᠬᠤᠵᠤ᠂ ᠭᠠᠯ ᠢ ᠰᠡᠷᠬᠡᠶᠢᠯᠡᠨ ᠤᠨᠳᠠᠷᠠᠭᠠᠬᠤ | ᠢᠨᠵᠧᠨᠧᠷᠢᠩ ᠤᠨ ᠪᠠᠷᠢᠯᠭ᠎ᠠ ᠶᠢ ᠳᠠᠭᠤᠰᠬᠠᠵᠤ ᠰᠢᠯᠭᠠᠨ ᠬᠤᠷᠢᠶᠠᠬᠤ ᠪᠠ ᠨᠡᠬᠦᠷᠡᠰᠦᠨ ᠠᠭᠤᠷᠬᠠᠢ ᠶᠢᠨ ᠮᠠᠯᠳᠠᠵᠤ | ᠬᠦᠨᠳᠡᠶᠢᠯᠡᠭᠰᠡᠨ ᠤᠷᠤᠨ ᠤ ᠵᠠᠰᠠᠯᠳᠠ ᠶᠢ ᠡᠮᠬᠢ ᠴᠡᠭᠴᠡ ᠲᠠᠢ ᠠᠬᠢᠭᠤᠯᠤᠨ᠎ᠠ᠃ ᠴᠢᠩ ᠬᠤᠸᠠ ᠶᠢᠨ 20 ᠳᠦᠮᠡᠨ | ᠲᠤᠨ ᠤ ᠨᠡᠬᠦᠷᠡᠰᠦᠳᠦ᠋ᠷᠦᠭᠴᠢ ᠰᠢᠷᠬᠡᠭᠯᠢᠭ᠂ ᠤᠭᠳᠠᠷᠭᠤᠢ ᠶᠢᠨ ᠨᠢᠰᠦᠬᠦᠷ᠂ ᠪᠠᠶᠠᠨᠬᠤᠳᠠ ᠶᠢᠨ 2×330 ᠰᠠᠶ᠎ᠠ | ᠸᠠᠲ ᠢᠯᠴᠢ ᠴᠠᠬᠢᠯᠭᠠᠨ ᠭᠠᠷᠭᠠᠬᠤ ᠵᠡᠷᠬᠡ ᠴᠢᠬᠤᠯᠠ ᠶᠡᠭᠡ ᠳᠦᠷᠦᠯ ᠵᠦᠢᠯ ᠪᠠᠷᠢᠯᠭ᠎ᠠ ᠳᠠᠭᠤᠰᠴᠤ ᠠᠰᠢᠭᠯᠠᠯᠳᠠ ᠳᠤ | ᠤᠷᠤᠬᠤ ᠶᠢ ᠪᠦᠬᠦ ᠬᠦᠴᠦ ᠪᠠᠷ ᠳᠦᠯᠬᠢᠨ ᠠᠬᠢᠭᠤᠯᠤᠨ᠎ᠠ᠃ ᠲᠢᠶᠠᠨ ᠹᠦ᠋ ᠠᠭᠤᠷᠬᠠᠢ ᠶᠢᠨ ᠦᠢᠯᠡᠰ ᠤᠨ ᠪᠤᠷᠵᠢᠨ | ᠴᠢᠯᠠᠭᠤᠯᠢᠭ ᠤᠨ ᠬᠠᠶᠠᠭᠳᠠᠮᠠᠯ ᠮᠠᠲ᠋ᠧᠷᠢᠶᠠᠯ ᠢ ᠪᠤᠯᠪᠠᠰᠤᠷᠠᠭᠤᠯᠬᠤ᠂ ᠬᠠᠪᠳᠠᠰᠤᠨ ᠮᠠᠲ᠋ᠧᠷᠢᠶᠠᠯ ᠤᠨ | ᠦᠢᠯᠡᠳᠪᠦᠷᠢᠯᠡᠯ ᠤᠨ ᠱᠤᠭᠤᠮ ᠤᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠵᠤ᠂ | ᠡᠷᠳᠡᠬᠡᠨ ᠠᠰᠢᠬᠯᠠᠯᠳᠠ ᠳᠤ ᠤᠷᠤᠭᠤᠯᠵᠤ᠂ ᠡᠷᠳᠡᠬᠡᠨ ᠦᠷ᠎ᠡ ᠠᠰᠢᠭ ᠭᠠᠷᠭᠠᠬᠤ ᠪᠠᠷ ᠴᠢᠷᠮᠠᠶᠢᠨ᠎ᠠ᠃ ᠵᠤᠯᠵᠠᠭ᠎ᠠ | ᠠᠯᠳᠠᠨ ᠤ ᠠᠭᠤᠷᠬᠠᠢ ᠶᠢᠨ ᠭᠤᠷᠪᠠᠳᠤᠭᠠᠷ ᠬᠤᠭᠤᠴᠠᠭᠠᠨ ᠤ ᠦᠷᠬᠡᠳᠬᠡᠨ ᠪᠠᠶᠢᠭᠤᠯᠬᠤ ᠳᠦᠷᠦᠯ ᠵᠦᠢᠯ ᠤᠨ | ᠪᠦᠳᠦᠬᠡᠨ ᠪᠠᠶᠢᠭᠤᠯᠤᠯᠳᠠ ᠶᠢ ᠢᠳᠡᠪᠬᠢᠳᠡᠢ ᠠᠬᠢᠭᠤᠯᠵᠤ᠂ ᠨᠠᠷᠢᠯᠢᠭ ᠪᠤᠯᠪᠠᠰᠤᠷᠠᠭᠤᠯᠬᠤ ᠳᠦᠷᠦᠯ ᠵᠦᠢᠯ ᠢ ᠢᠵᠢ | ᠪᠦᠷᠢᠳᠦᠬᠦᠯᠦᠨ ᠳᠠᠳᠠᠨ ᠤᠷᠤᠭᠤᠯᠵᠤ᠂ ᠰᠢᠵᠢᠷ ᠠᠯᠳᠠᠨ ᠤ ᠠᠵᠤ ᠦᠢᠯᠡᠰ ᠤᠨ ᠬᠦᠷᠢᠶᠡᠯᠡᠩ ᠢ ᠴᠤᠭᠴᠠᠯᠠᠨ᠎ᠠ᠃ | ᠴᠡᠪᠡᠷ ᠡᠨᠧᠷᠬᠢ ᠤᠨ ᠠᠵᠤ ᠦᠢᠯᠡᠰ ᠢ ᠶᠡᠭᠡ ᠬᠦᠴᠦ ᠪᠠᠷ ᠬᠦᠭᠵᠢᠬᠦᠯᠵᠤ᠂ ᠬᠠᠯᠠᠭᠤᠨ ᠺᠤᠮᠫᠠᠨᠢ ᠶᠢᠨ 50 ᠰᠠᠶ᠎ᠠ | ᠸᠠᠲ᠂ ᠤᠯᠤᠰ ᠤᠨ ᠴᠠᠬᠢᠯᠭᠠᠨ ᠤ 30 ᠰᠠᠶ᠎ᠠ ᠸᠠᠲ ᠪᠠ ᠠᠯᠠᠱᠠ ᠶᠢᠨ ᠤᠨᠴᠠ ᠵᠦᠪᠰᠢᠶᠡᠷᠡᠭᠰᠡᠨ ᠡᠷᠬᠡ ᠲᠠᠢ 20 | ᠰᠠᠶ᠎ᠠ ᠸᠠᠲ ᠵᠡᠷᠬᠡ ᠬᠡᠷᠡᠯ ᠴᠠᠬᠢᠯᠭᠠᠨ ᠤ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠰᠠᠶᠢᠳᠤᠷ ᠠᠳᠬᠤᠨ᠎ᠠ᠃ | ᠴᠠᠭᠠᠨ ᠭᠤᠶᠤᠤ᠂ ᠤᠯᠠᠭᠠᠨ ᠭᠤᠶᠤᠤ ᠵᠡᠷᠬᠡ ᠰᠢᠨ᠎ᠡ ᠢᠳᠡᠬᠡᠨ ᠤ ᠵᠦᠢᠯᠡᠰ ᠤᠨ ᠳᠦᠬᠦᠬᠡᠢ ᠡᠳ᠋ ᠢ ᠭᠤᠶᠤᠴᠢᠯᠠᠨ | ᠮᠡᠳᠡᠬᠦᠯᠬᠦ ᠠᠵᠢᠯ ᠤᠨ ᠠᠬᠢᠴᠠ ᠶᠢ ᠳᠦᠷᠬᠡᠳᠬᠡᠵᠤ᠂ ᠢᠳᠡᠬᠡᠨ ᠤ ᠵᠦᠢᠯᠡᠰ ᠡᠷᠡᠬᠦᠯᠵᠢᠯ ᠤᠨ ᠵᠦᠢᠯᠡᠰ ᠢ | ᠪᠤᠯᠪᠠᠰᠤᠷᠠᠭᠤᠯᠬᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠸᠠᠨ ᠮᠢᠩ ᠤᠨ 3 ᠳ᠋ᠦᠩᠰᠢᠭᠤᠷ ᠮᠦᠬᠦᠯᠢᠭ | ᠤᠯᠠᠭᠠᠨ ᠭᠤᠶᠤᠤ ᠶᠢᠨ ᠡᠷᠡᠬᠦᠯᠵᠢᠯ ᠤᠨ ᠢᠳᠡᠬᠡᠨ ᠤ ᠵᠦᠢᠯᠡᠰ᠂ ᠸᠠᠨ ᠬᠤᠸᠠ ᠶᠢᠨ 200 ᠲᠤᠨ ᠴᠠᠭᠠᠨ ᠭᠤᠶᠤᠤ | ᠤᠯᠠᠭᠠᠨ ᠭᠤᠶᠤᠤ ᠶᠢᠨ ᠦᠨᠳᠦᠷ ᠦᠷᠳᠡᠭᠳᠤ ᠪᠦᠳᠦᠬᠡᠭᠳᠡᠬᠦᠨ᠂ ᠮᠢᠩ ᠱᠧᠩ ᠤᠨ 1.8 ᠳᠦᠮᠡᠨ ᠲᠤᠨ ᠢᠰᠬᠡᠭᠰᠡᠨ | ᠤᠮᠳᠠᠭᠠᠨ ᠵᠡᠷᠬᠡ ᠳᠦᠷᠦᠯ ᠵᠦᠢᠯ ᠢ ᠬᠡᠷᠡᠭᠵᠢᠬᠦᠯᠦᠨ᠎ᠡ᠃ ᠪᠠᠷᠠᠭᠤᠨ ᠤᠷᠤᠨ ᠤ ᠤᠯᠠᠨ ᠤᠯᠤᠰ ᠤᠨ ᠴᠢᠯᠠᠭᠤᠨ | ᠮᠠᠲ᠋ᠧᠷᠢᠶᠠᠯ ᠤᠨ ᠠᠵᠤ ᠦᠢᠯᠡᠰ ᠤᠨ ᠬᠤᠳᠠ᠂ ᠤᠯᠠᠨᠪᠤᠯᠠᠭ ᠤᠨ 12 ᠳᠦᠮᠡᠨ ᠲᠤᠨ ᠤ ᠮᠧᠲᠨ ᠠᠯᠳᠧᠬᠢᠳ᠋ ᠤᠨ | ᠪᠦᠬᠡᠬᠡᠨᠡᠪᠦᠷᠢ᠂ ᠳᠤᠮᠳᠠᠳᠤ ᠤᠯᠤᠰ ᠤᠨ ᠬᠦᠩᠬᠡᠨ ᠴᠠᠭᠠᠨ ᠤ ᠨᠢᠩᠰᠢᠶᠠ ᠶᠢᠨ ᠡᠨᠧᠷᠬᠢ ᠤᠨ ᠪᠦᠯᠦᠭᠯᠡᠯ ᠤᠨ ᠬᠡᠷᠡᠯ | ᠴᠠᠬᠢᠯᠭᠠᠨ᠂ ᠷᠦᠩ ᠱᠧᠩ ᠤᠨ ᠤᠶᠤᠨᠳᠤ ᠰᠤᠷᠢᠨᠵᠢᠨ ᠤᠷᠤᠰᠬᠠᠯᠳᠤ ᠰᠢᠩᠬᠡᠨ ᠵᠢᠴᠢ ᠬᠠᠮᠢᠶ᠎ᠠ ᠪᠦᠬᠦᠢ ᠰᠡᠯᠪᠢᠭ᠂ | ᠡᠾᠧᠩ ᠷᠦᠢ ᠲᠦᠩ ᠳ᠋ᠠ ᠶᠢᠨ ᠵᠢᠯ ᠤᠨ ᠭᠠᠷᠤᠯᠳᠠ 120 ᠳᠦᠮᠡᠨ ᠲᠤᠨ ᠤ ᠳᠡᠮᠦᠷ ᠤᠨ ᠨᠤᠨᠳᠠᠭ ᠵᠡᠷᠬᠡ ᠴᠢᠬᠤᠯᠠ | ᠶᠡᠭᠡ ᠳᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠢᠳᠡᠪᠬᠢᠳᠡᠢ ᠰᠠᠶᠢᠳᠤᠷ ᠬᠢᠨ᠎ᠡ᠃ ᠠᠵᠤ ᠠᠬᠤᠢ ᠶᠢᠨ | ᠨᠡᠬᠡᠬᠡᠯᠳᠡ ᠶᠢᠨ ᠤᠷᠤᠨ᠂ ᠤᠷᠤᠨ ᠳᠤᠭᠤᠷᠢᠭ ᠤᠨ ᠠᠵᠤ ᠦᠢᠯᠡᠰ ᠤᠨ ᠬᠦᠭᠵᠢᠯᠳᠡ ᠶᠢᠨ ᠳᠦᠯᠦᠪᠵᠢᠬᠦᠯᠬᠡ ᠪᠠ | ᠳᠦᠬᠦᠷ ᠦᠢᠯᠡᠴᠢᠯᠡᠬᠡᠨ ᠤ ᠴᠢᠳᠠᠪᠬᠢ ᠶᠢ ᠳᠡᠬᠦᠯᠳᠡᠷᠵᠢᠬᠦᠯᠵᠤ᠂ ᠤᠷᠤᠨ ᠪᠦᠰᠡ ᠶᠢᠨ ᠤᠷᠴᠢᠨ ᠳᠤᠭᠤᠷᠢᠨ᠂ ᠤᠰᠤ᠂ | ᠴᠢᠳᠠᠪᠬᠢ ᠶᠢᠨ ᠦᠨᠡᠯᠡᠯᠳᠡ ᠵᠡᠷᠬᠡ ᠵᠦᠪᠰᠢᠶᠡᠷᠡᠯᠳᠡ ᠶᠢᠨ ᠨᠦᠬᠦᠴᠡᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠢ | ᠠᠬᠤᠢ ᠶᠢᠨ ᠬᠠᠮᠠᠭᠠᠯᠠᠯᠳᠠ᠂ ᠤᠰᠤ᠂ ᠴᠠᠬᠢᠯᠭᠠᠨ᠂ ᠵᠠᠮ ᠵᠡᠷᠬᠡ ᠢᠵᠢ ᠪᠦᠷᠢᠳᠦᠭᠰᠡᠨ ᠰᠠᠭᠤᠷᠢ | ᠳᠦᠬᠦᠷᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠡᠩ ᠳᠡᠷᠢᠬᠦᠨ ᠳᠤ ᠬᠡᠷᠡᠭᠵᠢᠬᠦᠯᠦᠨ᠂ ᠨᠢᠭᠳᠠᠷᠠᠭᠤᠯᠬᠤ | ᠬᠦᠴᠦᠨ ᠪᠠ ᠳᠠᠭᠠᠭᠠᠬᠤ ᠴᠢᠳᠠᠪᠤᠷᠢ ᠶᠢ ᠨᠡᠮᠡᠭᠳᠡᠬᠦᠯᠦᠨ᠎ᠡ᠃ | ᠭᠤᠷᠪᠠᠳᠤᠭᠠᠷ ᠠᠵᠤ ᠦᠢᠯᠡᠰ ᠢ ᠶᠡᠭᠡ ᠬᠦᠴᠦ ᠪᠠᠷ ᠬᠦᠭᠵᠢᠬᠦᠯᠦᠨ᠎ᠡ᠃ ᠰᠤᠶᠤᠯ ᠵᠢᠭᠤᠯᠴᠢᠯᠠᠯ ᠤᠨ ᠡᠬᠢ | ᠰᠤᠷᠪᠤᠯᠵᠢ ᠶᠢ ᠬᠦᠨᠵᠡᠬᠡᠢ ᠠᠭᠤᠳᠠᠯᠯᠠᠨ᠂ ᠰᠤᠶᠤᠯ ᠵᠢᠭᠤᠯᠴᠢᠯᠠᠯ ᠤᠨ ᠪᠦᠳᠦᠬᠡᠭᠳᠡᠬᠦᠨ ᠢ ᠨᠡᠬᠡᠬᠡᠨ ᠬᠦᠭᠵᠢᠬᠦᠯᠬᠦ ᠪᠠᠨ | ᠴᠢᠩᠭᠠᠳᠬᠠᠨ᠂ ᠦᠵᠡᠮᠵᠢ ᠶᠢᠨ ᠤᠷᠤᠨ ᠤ ᠪᠦᠳᠦᠬᠡᠨ ᠪᠠᠶᠢᠭᠤᠯᠤᠯᠳᠠ ᠬᠠᠮᠢᠶᠠᠷᠤᠯᠳᠠ ᠶᠢᠨ ᠬᠢᠷᠢ ᠳᠦᠪᠰᠢᠨ ᠢ | ᠳᠡᠬᠡᠭᠰᠢᠯᠡᠬᠦᠯᠬᠦ ᠪᠠᠨ ᠳᠦᠷᠬᠡᠳᠬᠡᠵᠤ᠂ ᠵᠢᠭᠤᠯᠴᠢᠯᠠᠯ᠂ ᠰᠤᠶᠤᠯ᠂ ᠠᠷᠠᠯᠵᠢᠶ᠎ᠠ ᠬᠤᠳᠠᠯᠳᠤᠭ᠎ᠠ ᠤᠶᠠᠯᠳᠤᠨ | ᠬᠦᠭᠵᠢᠬᠦ ᠶᠢ ᠠᠬᠢᠭᠤᠯᠤᠨ᠎ᠠ᠃ ᠱᠠᠰᠢᠨ ᠢ ᠪᠠᠳᠠᠷᠠᠭᠤᠯᠤᠭᠴᠢ ᠰᠦᠮ᠎ᠡ ᠶᠢ ᠦᠬᠡᠷᠡᠴᠢᠯᠡᠨ ᠳᠡᠰ ᠳᠡᠪᠰᠢᠬᠦᠯᠬᠦ ᠶᠢ | ᠬᠡᠷᠡᠭᠵᠢᠬᠦᠯᠦᠨ᠂ ︽ᠨᠤᠮᠢᠨ ᠳᠠᠯ᠎ᠠ ᠶᠢᠨ ᠮᠠᠯᠴᠢᠨ ᠤ ᠳᠠᠭᠤᠯᠠᠯ︾ ᠤᠯᠠᠨᠪᠤᠯᠠᠭ ᠤᠨ ᠵᠢᠭᠤᠯᠴᠢᠯᠠᠯ ᠰᠡᠯᠡᠬᠦᠴᠡᠯ ᠤᠨ | ᠳᠤᠰᠬᠤᠨ ᠢ ᠦᠷᠬᠦᠯᠵᠢᠯᠡᠨ ᠪᠠᠶᠢᠭᠤᠯᠬᠤ ᠵᠡᠷᠬᠡ ᠳᠦᠷᠦᠯ ᠵᠦᠢᠯ ᠢ ᠬᠡᠷᠡᠭᠵᠢᠬᠦᠯᠦᠨ᠎ᠡ᠃ ᠵᠢᠭᠤᠯᠴᠢᠯᠠᠯ ᠤᠨ | ᠦᠵᠡᠮᠵᠢ ᠶᠢᠨ ᠤᠷᠤᠨ ᠤ ᠪᠠᠷᠢᠮᠵᠢᠶᠠᠵᠢᠭᠰᠠᠨ ᠪᠦᠳᠦᠬᠡᠨ ᠪᠠᠶᠢᠭᠤᠯᠤᠯᠳᠠ ᠪᠠ ᠨᠡᠷᠡᠳᠤ ᠳᠡᠮᠳᠡᠭ ᠤᠨ ᠪᠦᠳᠦᠬᠡᠨ | ᠪᠠᠶᠢᠭᠤᠯᠤᠯᠳᠠ ᠶᠢ ᠴᠢᠩᠭᠠᠳᠬᠠᠨ᠂ ᠪᠤᠶᠠᠨ ᠢ ᠦᠨᠳᠦᠰᠦᠯᠡᠭᠴᠢ ᠰᠦᠮ᠎ᠡ᠂ ᠤᠯᠠᠭᠠᠨ ᠨᠠᠭᠤᠷ ᠤᠨ 4A ᠳᠡᠰ ᠤᠨ | ᠵᠢᠭᠤᠯᠴᠢᠯᠠᠯ ᠤᠨ ᠤᠷᠤᠨ ᠢ ᠡᠬᠦᠳᠦᠨ ᠪᠠᠶᠢᠭᠤᠯᠬᠤ ᠠᠵᠢᠯ ᠢ ᠠᠬᠢᠭᠤᠯᠤᠨ᠂ ᠳᠤᠩᠬᠤ ᠶᠢᠨ ᠨᠠᠭᠤᠷ ᠤᠨ | ᠵᠢᠭᠤᠯᠴᠢᠯᠠᠯ ᠤᠨ ᠤᠷᠤᠨ ᠢ ᠤᠯᠤᠰ ᠤᠨ ᠳᠡᠰ ᠤᠨ ᠵᠢᠭᠤᠯᠴᠢᠯᠠᠯ ᠤᠨ ᠦᠢᠯᠡᠴᠢᠯᠡᠬᠡᠨ ᠤ ᠦᠢᠯᠡᠰ ᠤᠨ | ᠪᠠᠷᠢᠮᠵᠢᠶᠠᠵᠢᠭᠰᠡᠨ ᠳᠤᠷᠰᠢᠯᠳᠠ ᠶᠢᠨ ᠨᠢᠬᠡᠴᠡ ᠪᠠ ᠪᠦᠬᠦ ᠤᠯᠤᠰ ᠤᠨ ᠨᠡᠷᠡᠳᠤ ᠳᠡᠮᠳᠡᠭ ᠢ ᠡᠬᠦᠳᠦᠨ ᠪᠠᠶᠢᠭᠤᠯᠬᠤ | ᠵᠢᠱᠢᠶ᠎ᠡ ᠦᠵᠡᠬᠦᠯᠬᠦ ᠤᠷᠤᠨ ᠳᠤ ᠤᠷᠤᠭᠤᠯᠬᠤ ᠪᠠᠷ ᠴᠢᠷᠮᠠᠶᠢᠨ᠎ᠠ᠃ ᠳᠤᠩᠭᠠᠯᠠᠭ ᠨᠠᠭᠤᠷ — ᠡᠷᠬᠡᠬᠠᠰᠬ᠎ᠠ ᠬᠦᠷᠬᠦ | ᠵᠠᠰᠠᠮᠠᠯ ᠵᠠᠮ ᠢ ᠪᠦᠳᠦᠬᠡᠨ ᠪᠠᠶᠢᠭᠤᠯᠬᠤ ᠳᠤᠬᠢᠶᠠᠯ ᠢ ᠠᠰᠢᠭᠯᠠᠨ᠂ ᠵᠠᠮ ᠱᠤᠭᠤᠮ ᠳᠠᠭᠠᠤ ᠤᠷᠤᠨ ᠤ ᠵᠢᠭᠤᠯᠴᠢᠯᠠᠯ ᠤᠨ | ᠬᠦᠭᠵᠢᠯᠳᠡ ᠪᠠ ᠶᠡᠷᠦᠩᠬᠡᠶᠢᠯᠡᠨ ᠨᠡᠬᠡᠬᠡᠨ ᠠᠰᠢᠭᠯᠠᠬᠤ ᠶᠡᠷᠦᠩᠬᠡᠢ ᠳᠦᠯᠦᠪᠵᠢᠬᠦᠯᠬᠡ ᠶᠢ ᠵᠠᠪᠳᠤᠨ ᠨᠠᠶᠢᠷᠠᠭᠤᠯᠵᠤ᠂ | ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨᠨ᠂ ᠵᠦᠪᠰᠢᠶᠡᠷᠡᠯ ᠦᠬᠡᠢ ᠪᠠᠷ ᠤᠷᠢᠳᠴᠢᠯᠠᠨ ᠪᠠᠶᠢᠭᠤᠯᠬᠤ ᠪᠠᠷᠢᠯᠭ᠎ᠠ ᠶᠢ | ᠡᠷᠡᠰ ᠬᠤᠷᠢᠭᠯᠠᠨ᠂ ᠭᠠᠵᠠᠷ ᠰᠢᠷᠤᠢ᠂ ᠨᠤᠳᠤᠭ ᠪᠡᠯᠴᠢᠬᠡᠷ᠂ ᠨᠠᠭᠤᠷ ᠴᠦᠬᠦᠷᠦᠮ ᠢ ᠡᠵᠡᠩᠨᠡᠬᠦ ᠡᠷᠬᠡ ᠪᠠᠨ ᠳᠤᠷ᠎ᠠ | ᠳᠠᠪᠠ ᠪᠠᠷ ᠢᠶᠠᠨ ᠪᠤᠰᠤᠳ ᠲᠤ ᠰᠢᠯᠵᠢᠬᠦᠯᠬᠦ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠡᠷᠡᠰ ᠴᠠᠭᠠᠵᠠᠯᠠᠨ᠎ᠠ᠃ | ᠬᠦᠳᠡᠭᠡ ᠳᠤᠰᠬᠤᠨ ᠤ ᠵᠢᠭᠤᠯᠴᠢᠯᠠᠯ᠂ ᠰᠡᠯᠡᠬᠦᠴᠡᠯ ᠵᠢᠭᠤᠯᠴᠢᠯᠠᠯ ᠢ ᠢᠳᠡᠪᠬᠢᠳᠡᠢ ᠬᠦᠭᠵᠢᠬᠦᠯᠵᠤ᠂ ᠳᠤᠩᠭᠠᠯᠠᠭ | ᠨᠠᠭᠤᠷ ᠤᠨ ︽ᠡᠯᠡᠰᠦ ᠮᠠᠩᠬᠠᠨ ᠤ ᠵᠢᠭᠤᠯᠴᠢᠯᠠᠯ ᠤᠨ ᠪᠠᠭ᠎ᠠ ᠪᠠᠯᠭᠠᠰᠤ︾ ᠶᠢ ᠴᠤᠭᠴᠠᠯᠠᠨ᠎ᠠ᠃ ᠳᠢᠶᠠᠨᠵᠢᠨ ᠤ ᠲᠠᠢ ᠯᠢ | ᠵᠡᠷᠬᠡ ᠵᠢᠭᠤᠯᠴᠢᠯᠠᠯ ᠤᠨ ᠠᠵᠤ ᠠᠬᠤᠶᠢᠯᠠᠯ ᠤᠨ ᠳᠠᠪᠴᠠᠩ ᠢ ᠠᠰᠢᠭᠯᠠᠨ᠂ ᠵᠢᠭᠤᠯᠴᠢᠯᠠᠯ ᠤᠨ ᠰᠤᠳᠤᠨ ᠱᠤᠭᠤᠮ ᠤᠨ | ᠤᠬᠠᠭᠤᠯᠭ᠎ᠠ ᠳᠠᠨᠢᠯᠴᠠᠭᠤᠯᠭ᠎ᠠ ᠶᠢᠨ ᠬᠦᠴᠦᠯᠡᠴᠡ ᠪᠠᠨ ᠶᠡᠬᠡᠰᠬᠡᠨ᠎ᠡ᠃ ᠬᠡᠬᠡᠷᠡᠯᠡᠨ ᠳᠤᠭᠤᠯᠬᠤ e ᠬᠤᠯᠪᠤᠭ᠎ᠠ ᠲᠠᠢ | ᠨᠡᠩ ᠬᠦᠨᠵᠡᠬᠡᠢ ᠬᠠᠮᠳᠤᠷᠠᠨ ᠠᠵᠢᠯᠯᠠᠬᠤ ᠪᠠᠨ ᠠᠬᠢᠭᠤᠯᠵᠤ᠂ ᠳᠤᠮᠳᠠᠳᠤ ᠤᠯᠤᠰ ᠤᠨ ᠺᠢᠨᠤ᠋ ᠪᠦᠯᠦᠭᠯᠡᠯ ᠤᠨ ᠺᠤᠮᠫᠠᠨᠢ | ᠲᠠᠢ ᠰᠠᠨᠠᠯ ᠰᠤᠯᠢᠯᠴᠠᠨ ᠬᠠᠮᠳᠤᠷᠠᠨ ᠠᠵᠢᠯᠯᠠᠬᠤ ᠪᠠᠨ ᠴᠢᠩᠭᠠᠳᠬᠠᠨ᠂ ᠬᠡᠬᠡᠷᠡᠯᠡᠨ ᠳᠤᠭᠤᠯᠬᠤ e ᠬᠤᠯᠪᠤᠭᠠᠨ ᠤ | ᠮᠠᠰᠢᠨ ᠳᠡᠷᠬᠡᠨ ᠤ ᠰᠤᠶᠤᠯ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠭᠤᠪᠢ ᠶᠢᠨ | ᠬᠠᠴᠢᠨ ᠴᠢᠯᠠᠭᠤᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ᠤᠨ ᠮᠦᠽᠸᠢ ᠶᠢᠨ ᠳᠦᠬᠦᠷ ᠳᠦᠬᠦᠬᠡᠷᠦᠮᠵᠢ ᠶᠢ | ᠳᠡᠬᠦᠯᠳᠡᠷᠵᠢᠬᠦᠯᠵᠤ᠂ ᠡᠷᠳᠡᠨᠢ ᠶᠢᠨ ᠬᠠᠰ ᠴᠢᠯᠠᠭᠤ ᠪᠠ ᠦᠵᠡᠮᠦᠷᠢ ᠶᠢᠨ ᠴᠢᠯᠠᠭᠤ ᠶᠢ ᠬᠤᠷᠢᠶᠠᠨ ᠬᠠᠳᠠᠭᠠᠯᠠᠬᠤ᠂ | ᠰᠤᠨᠢᠷᠬᠠᠬᠤ᠂ ᠳᠡᠯᠬᠡᠨ ᠪᠤᠷᠤᠯᠠᠭᠤᠯᠬᠤ᠂ ᠳᠦᠪᠯᠡᠷᠡᠬᠦᠯᠦᠨ ᠳᠠᠷᠬᠠᠭᠠᠬᠤ ᠳᠡᠷᠢᠬᠦᠨ ᠳᠡᠰ ᠤᠨ ᠰᠠᠭᠤᠷᠢᠨ ᠭᠠᠵᠠᠷ ᠢ | ᠪᠦᠳᠦᠬᠡᠨ ᠪᠠᠶᠢᠭᠤᠯᠤᠨ᠎ᠠ᠃ 2015 ᠤᠨ ᠤ ᠳᠤᠮᠳᠠᠳᠤ ᠤᠯᠤᠰ ᠤᠨ ᠳᠠᠯᠠᠢ ᠶᠢᠨ ᠬᠤᠶᠠᠷ ᠡᠷᠬᠢ ᠶᠢᠨ | ᠦᠵᠡᠮᠦᠷᠢ ᠶᠢᠨ ᠴᠢᠯᠠᠭᠤᠨ ᠤ ᠰᠤᠶᠤᠯ ᠤᠨ ᠰᠤᠯᠢᠯᠴᠠᠭᠠᠨ ᠤ ᠦᠵᠡᠬᠦᠯᠦᠯᠬᠡ ᠵᠢᠴᠢ ᠠᠯᠠᠱᠠ ᠶᠢᠨ ᠬᠠᠰ · | ᠦᠵᠡᠮᠦᠷᠢ ᠶᠢᠨ ᠴᠢᠯᠠᠭᠤᠨ ᠤ ᠰᠤᠶᠦᠯ ᠵᠢᠭᠤᠯᠴᠢᠯᠠᠯ ᠤᠨ ᠨᠠᠶᠢᠷ᠂ ᠬᠡᠬᠡᠷᠡᠯᠡᠨ ᠠᠶᠠᠯᠠᠬᠤ e ᠬᠤᠯᠪᠤᠭᠠᠨ ᠤ ᠠᠯᠠᠱᠠ | ᠳᠠᠬᠢ ᠪᠠᠭᠠᠳᠤᠷᠴᠤᠳ ᠤᠨ ᠴᠤᠭᠯᠠᠭᠠᠨ᠂ ᠳᠡᠮᠡᠬᠡᠨ ᠰᠤᠶᠤᠯ ᠤᠨ ᠨᠠᠶᠢᠷ ︽ᠭᠤᠷᠪᠠᠨ ᠶᠡᠭᠡ ᠨᠠᠶᠢᠷ ᠨᠠᠭᠠᠳᠤᠮ︾ ᠤᠨ | ᠠᠵᠢᠯᠯᠠᠭ᠎ᠠ ᠶᠢ ᠰᠠᠶᠢᠳᠤᠷ ᠡᠷᠬᠢᠯᠡᠵᠤ᠂ ᠨᠦᠯᠦᠬᠡᠯᠡᠬᠦ ᠬᠦᠴᠦᠨ ᠪᠠ ᠨᠡᠷ᠎ᠡ ᠠᠯᠳᠠᠷᠰᠢᠯ ᠢ ᠳᠡᠬᠡᠭᠰᠢᠯᠡᠬᠦᠯᠦᠨ᠎ᠡ᠃ | ᠪᠠᠶᠠᠨᠬᠤᠳᠠ ᠶᠢᠨ ᠮᠠᠯ ᠤᠨ ᠠᠰᠢᠭ ᠰᠢᠮ᠎ᠡ ᠳᠠᠷᠢᠶᠠᠯᠠᠩ ᠤᠨ ᠪᠦᠳᠦᠬᠡᠭᠳᠡᠬᠦᠨ ᠤ ᠪᠤᠳᠠᠰ ᠤᠨ ᠬᠦᠢᠯᠬᠡᠬᠡᠨ ᠤ | ᠬᠦᠷᠢᠶᠡᠯᠡᠩ᠂ ᠳᠠᠶᠢᠰᠢ ᠶᠢᠨ ᠪᠤᠳᠠᠰ ᠤᠨ ᠬᠦᠢᠯᠬᠡᠬᠡᠨ ᠤ ᠬᠦᠷᠢᠶᠡᠯᠡᠩ᠂ ᠵᠢᠷᠠᠳᠠᠢ ᠶᠢᠨ ᠳᠡᠮᠦᠷ ᠵᠠᠮ ᠤᠨ ᠦᠷᠳᠡᠬᠡᠨ ᠤ | ᠳᠦᠬᠦᠷ ᠪᠤᠳᠠᠰ ᠤᠨ ᠬᠦᠢᠯᠬᠡᠬᠡᠨ ᠤ ᠬᠦᠷᠢᠶᠡᠯᠡᠩ ᠵᠡᠷᠬᠡ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠰᠠᠶᠢᠳᠤᠷ ᠠᠳᠬᠤᠨ᠎ᠠ᠃ ᠮᠠᠰᠢᠨ ᠳᠡᠷᠬᠡ᠂ ᠪᠠᠷᠢᠯᠭ᠎ᠠ ᠶᠢᠨ ᠮᠠᠲ᠋ᠧᠷᠢᠶᠠᠯ᠂ ᠬᠡᠷ ᠤᠨ ᠬᠡᠷᠡᠭᠰᠡᠯ ᠵᠡᠷᠬᠡ ᠳᠤᠰᠬᠠᠢ ᠵᠠᠬ᠎ᠠ | ᠳᠡᠯᠬᠡᠬᠦᠷ ᠤᠨ ᠬᠦᠭᠵᠢᠯᠳᠡ ᠶᠢ ᠳᠡᠮᠵᠢᠨ ᠵᠢᠯᠤᠭᠤᠳᠤᠨ᠎ᠠ᠃ ᠵᠠᠰᠠᠭ ᠤᠨ ᠤᠷᠳᠤᠨ ᠪᠠ ᠨᠡᠶᠢᠬᠡᠮ ᠤᠨ ᠬᠦᠷᠦᠩᠬᠡ ᠶᠢᠨ | ᠬᠠᠮᠳᠤ ᠶᠢᠨ ᠠᠵᠢᠯᠯᠠᠭᠠᠨ ᠤ ᠬᠡᠯᠪᠡᠷᠢ ᠶᠢ ᠬᠡᠷᠡᠭᠵᠢᠬᠦᠯᠵᠤ᠂ ᠨᠡᠶᠢᠬᠡᠮ ᠤᠨ ᠬᠦᠷᠦᠩᠬᠡ ᠶᠢ ᠲᠠᠳᠠᠨ ᠤᠷᠤᠭᠤᠯᠵᠤ | ᠬᠤᠳᠠ ᠶᠢᠨ ᠰᠠᠭᠤᠷᠢ ᠲᠦᠬᠦᠬᠡᠷᠦᠮᠵᠢ ᠵᠡᠷᠬᠡ ᠨᠡᠶᠢᠳᠡ ᠶᠢᠨ ᠦᠢᠯᠡᠴᠢᠬᠡᠨ ᠤ ᠬᠦᠷᠢᠶ᠎ᠡ ᠬᠡᠪᠴᠢᠶᠡᠨ ᠳᠤ ᠪᠡᠯᠡ | ᠤᠷᠤᠭᠤᠯᠤᠨ᠎ᠠ᠃ ᠤᠯᠠᠨ ᠲᠡᠰ ᠳᠠᠪᠬᠤᠷᠭᠠᠳᠤ ᠬᠦᠷᠦᠩᠬᠡ ᠶᠢᠨ ᠵᠠᠬ᠎ᠠ ᠳᠡᠯᠬᠡᠬᠦᠷ ᠤᠨ ᠪᠡᠯᠡ ᠬᠤᠷᠠᠮᠳᠤᠭᠤᠯᠬᠤ | ᠦᠢᠯᠡᠴᠢᠯᠡᠭᠡ ᠶᠢ ᠰᠠᠶᠢᠳᠤᠷ ᠬᠢᠵᠤ᠂ ᠵᠤᠯᠵᠠᠭ᠎ᠠ ᠠᠯᠳᠠᠨ ᠤ ᠺᠤᠮᠫᠠᠨᠢ ᠶᠢᠨ ᠵᠠᠬ᠎ᠠ ᠳᠡᠯᠬᠡᠬᠦᠷ ᠲᠤ ᠭᠠᠷᠬᠤ ᠶᠢ | ᠢᠳᠡᠪᠬᠢᠳᠡᠢ ᠠᠬᠢᠭᠤᠯᠤᠨ᠎ᠠ᠃ | ︵ᠭᠤᠷᠪᠠ︶ ᠠᠮᠢ ᠠᠬᠤᠢ ᠪᠠ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ | ᠦᠷᠬᠦᠯᠵᠢᠯᠡᠨ ᠬᠦᠭᠵᠢᠬᠦ ᠴᠢᠳᠠᠪᠤᠷᠢ ᠪᠠᠨ ᠳᠡᠬᠡᠭᠰᠢᠯᠡᠬᠦᠯᠦᠨ᠎ᠡ | ᠠᠮᠢ ᠠᠬᠤᠢ ᠪᠠ ᠤᠷᠴᠢᠨ ᠳᠤᠭᠤᠷᠢᠨ ᠢ ᠨᠡᠩ ᠳᠤᠪᠤᠶᠢᠮ᠎ᠠ ᠪᠠᠶᠢᠷᠢᠨ ᠳᠤ ᠳᠠᠯᠪᠢᠵᠤ᠂ ᠪᠦᠳᠦᠬᠡᠨ ᠪᠠᠶᠢᠭᠤᠯᠤᠯᠳᠠ | ᠪᠠ ᠬᠠᠮᠠᠭᠠᠯᠠᠯᠳᠠ ᠶᠢ ᠳᠡᠩᠴᠡᠬᠦᠷᠢᠰᠢᠬᠦᠯᠬᠦ ᠴᠡᠭ ᠢ ᠤᠨᠤᠪᠴᠢᠳᠠᠢ ᠤᠯᠵᠤ᠂ ᠠᠵᠤ ᠠᠬᠤᠢ ᠶᠢᠨ ᠬᠦᠭᠵᠢᠯᠳᠡ ᠶᠢᠨ | ᠰᠠᠭᠤᠷᠢ ᠶᠢ ᠪᠠᠳᠤᠳᠬᠠᠬᠤ ᠶᠢᠨ ᠬᠠᠮᠳᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠠᠬᠢᠭᠤᠯᠵᠤ᠂ ᠡᠬᠢ | ᠪᠠᠶᠠᠯᠢᠭ ᠢ ᠠᠷᠪᠢᠯᠠᠬᠤ ᠪᠠ ᠤᠷᠴᠢᠨ ᠳᠤᠭᠤᠷᠢᠨ ᠨᠦᠬᠦᠷᠰᠡᠭ ᠬᠡᠯᠪᠡᠷᠢ ᠶᠢᠨ ᠨᠡᠶᠢᠬᠡᠮ ᠢ ᠴᠢᠷᠮᠠᠶᠢᠨ ᠴᠤᠭᠴᠠᠯᠠᠨ᠎ᠠ᠃ | ᠠᠮᠢ ᠠᠬᠤᠢ ᠶᠢᠨ ᠪᠦᠳᠦᠬᠡᠨ ᠪᠠᠶᠢᠭᠤᠯᠤᠯᠳᠠ ᠪᠠ ᠤᠷᠴᠢᠨ ᠳᠤᠭᠤᠷᠢᠨ ᠤ ᠬᠠᠮᠠᠭᠠᠯᠠᠯᠳᠠ ᠶᠢ ᠳᠦᠯᠬᠢᠨ ᠠᠬᠢᠭᠤᠯᠤᠨ᠎ᠠ | ᠃ ᠨᠤᠳᠤᠭ ᠪᠡᠯᠴᠢᠬᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ᠂ ᠨᠡᠶᠢᠳᠡ ᠶᠢᠨ ᠠᠰᠢᠭᠳᠤ ᠤᠢ ᠶᠢᠨ ᠠᠮᠢ | ᠠᠬᠤᠢ ᠶᠢᠨ ᠦᠷ᠎ᠡ ᠠᠰᠢᠭ ᠤᠨ ᠨᠦᠬᠦᠪᠦᠷᠢ ᠵᠡᠷᠬᠡ ᠳᠦᠷᠦ ᠶᠢᠨ ᠪᠤᠳᠤᠯᠭ᠎ᠠ ᠶᠢ ᠦᠷᠬᠦᠯᠵᠢᠯᠡᠨ | ᠨᠠᠶᠢᠳᠠᠪᠤᠷᠢᠵᠢᠭᠤᠯᠤᠨ᠎ᠠ᠃ ᠨᠢᠰᠬᠡᠯ ᠢᠶᠠᠷ 20 ᠳᠦᠮᠡᠨ ᠮᠤ᠋ ᠮᠤᠳᠤ ᠳᠠᠷᠢᠵᠤ᠂ ᠡᠯᠡᠰᠦ ︵ᠠᠭᠤᠯᠠ︶ ᠶᠢ | ᠪᠢᠳᠡᠬᠦᠮᠵᠢᠯᠡᠨ 10 ᠳᠦᠮᠡᠨ ᠮᠤ᠋ ᠤᠶᠢᠵᠢᠭᠤᠯᠵᠤ᠂ ᠬᠦᠮᠦᠨ ᠤ ᠬᠦᠴᠦ ᠪᠠᠷ 10 ᠳᠦᠮᠡᠨ ᠮᠤ᠋ ᠤᠢ ᠮᠤᠳᠤ ᠶᠢ | ᠳᠠᠷᠢᠵᠤ᠂ ᠠᠯᠪᠠᠨ ᠵᠢᠷᠤᠮ ᠢᠶᠠᠷ 30 ᠳᠦᠮᠡᠨ ᠰᠠᠭᠤᠷᠢ ᠮᠤᠳᠤ ᠳᠠᠷᠢᠬᠤ ᠶᠢ ᠬᠡᠷᠡᠭᠵᠢᠬᠦᠯᠵᠤ᠂ ᠨᠤᠳᠤᠭ | ᠪᠡᠯᠴᠢᠬᠡᠷ ᠤᠨ ᠠᠮᠢ ᠠᠬᠤᠢ ᠶᠢᠨ ᠬᠠᠮᠠᠭᠠᠯᠠᠯᠳᠠ ᠪᠠ ᠪᠦᠳᠦᠬᠡᠨ ᠪᠠᠶᠢᠭᠤᠯᠤᠯᠳᠠ ᠶᠢᠨ ᠡᠬᠦᠷᠬᠡ ᠶᠢ 370 ᠳᠦᠮᠡᠨ ᠮᠤ᠋ | ᠪᠡᠶᠡᠯᠡᠬᠦᠯᠦᠨ᠎ᠡ᠃ ᠮᠠᠯᠵᠢᠬᠤ ᠶᠢ ᠵᠤᠭᠰᠤᠭᠠᠬᠤ ᠬᠢᠨᠠᠯᠳᠠ ᠬᠠᠮᠢᠶᠠᠷᠤᠯᠳᠠ ᠪᠠᠨ ᠴᠢᠩᠭᠠᠳᠬᠠᠨ᠂ ᠡᠪᠡᠰᠦ | ᠪᠡᠯᠴᠢᠬᠡᠷ ᠢᠶᠠᠷ ᠮᠠᠯ ᠤᠨ ᠳᠤᠭ᠎ᠠ ᠶᠢ ᠳᠤᠭᠳᠠᠭᠠᠬᠤ ᠪᠠ ᠮᠠᠯ ᠪᠡᠯᠴᠢᠬᠡᠷ ᠢ ᠳᠡᠩᠴᠡᠬᠦᠷᠢᠳᠡᠢ ᠪᠠᠶᠢᠯᠭᠠᠬᠤ ᠳᠦᠷᠢᠮ ᠢ | ᠴᠢᠩᠭ᠎ᠠ ᠬᠡᠷᠡᠭᠵᠢᠬᠦᠯᠤᠨ᠂ ᠭᠤᠤᠯᠳᠠᠯᠭ᠎ᠠ ᠲᠠᠢ ᠳᠦᠷᠦᠯ ᠵᠦᠢᠯ ᠤᠨ ᠤᠷᠤᠨ᠂ ᠪᠢᠳᠡᠬᠦᠮᠵᠢᠯᠡᠨ ᠦᠢᠵᠢᠭᠤᠯᠬᠤ ᠶᠢ | ᠬᠠᠮᠢᠶᠠᠷᠴᠤ ᠬᠠᠮᠠᠭᠠᠯᠠᠬᠤ ᠤᠷᠤᠨ ᠳᠤ ᠳᠦᠪᠯᠡᠷᠡᠩᠬᠦᠢ ᠴᠡᠭᠴᠡᠯᠡᠯᠳᠡ ᠬᠢᠨ᠎ᠡ᠃ ᠱᠠᠳᠤ ᠦᠶ᠎ᠡ ᠶᠢᠨ ᠴᠢᠨᠠᠷᠳᠠᠢ | ᠮᠠᠯᠵᠢᠬᠤ ᠶᠢ ᠵᠤᠭᠰᠤᠭᠠᠵᠤ ᠪᠡᠯᠴᠢᠬᠡᠷ ᠢ ᠰᠡᠷᠬᠦᠬᠡᠭᠰᠡᠨ ᠤ ᠬᠤᠶᠢᠨ᠎ᠠ ᠰᠢᠨᠵᠢᠯᠡᠬᠦ ᠤᠬᠠᠭᠠᠨᠴᠢ ᠪᠠᠷ ᠠᠰᠢᠭᠯᠠᠬᠤ | ᠳᠤᠭᠳᠠᠯᠴᠠᠭ᠎ᠠ ᠶᠢ ᠬᠢᠨᠠᠮᠠᠭᠠᠢ ᠰᠤᠳᠤᠯᠵᠤ᠂ ᠨᠤᠳᠤᠭ ᠪᠡᠯᠴᠢᠬᠡᠷ ᠢ ᠦᠷᠬᠦᠯᠵᠢᠯᠡᠨ ᠠᠰᠢᠭᠯᠠᠬᠤ ᠴᠢᠳᠠᠪᠤᠷᠢ ᠪᠠᠨ | ᠳᠡᠬᠡᠭᠰᠢᠯᠡᠬᠦᠯᠦᠨ᠎ᠡ᠃ ᠡᠯᠡᠰᠦᠷᠬᠡᠭᠵᠢᠭᠰᠡᠨ ᠭᠠᠵᠠᠷ ᠰᠢᠷᠤᠢ ᠶᠢ ᠪᠢᠳᠡᠬᠦᠮᠵᠢᠯᠡᠨ ᠴᠠᠭᠠᠵᠠᠯᠠᠵᠤ ᠬᠠᠮᠠᠭᠠᠯᠠᠬᠤ ᠳᠦᠷᠦᠯ | ᠵᠦᠢᠯ ᠢ ᠦᠷᠬᠦᠯᠵᠢᠯᠡᠨ ᠬᠡᠷᠡᠭᠵᠢᠬᠦᠯᠵᠤ᠂ ᠬᠢᠯᠢ ᠬᠢᠵᠠᠭᠠᠷ ᠤᠷᠤᠨ ᠤ ᠮᠠᠯᠴᠢᠳ ᠤᠨ ᠦᠢᠯᠡᠳᠪᠦᠷᠢᠯᠡᠯ ᠢᠶᠠᠨ | ᠬᠦᠭᠵᠢᠬᠦᠯᠵᠤ᠂ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠳᠡᠮᠵᠢᠨ᠎ᠡ᠃ | ᠰᠢᠨ᠎ᠡ ︽ᠤᠷᠴᠢᠨ ᠳᠤᠭᠤᠷᠢᠨ ᠤ ᠬᠠᠮᠠᠭᠠᠯᠠᠯᠳᠠ ᠶᠢᠨ ᠬᠠᠤᠯᠢ︾ ᠶᠢ ᠴᠢᠩᠭ᠎ᠠ ᠨᠠᠶᠢᠳᠠᠪᠤᠷᠢᠵᠢᠭᠤᠯᠵᠤ᠂ ︽ᠤᠯᠠᠭᠠᠨ | ᠱᠤᠭᠤᠮ︾ ᠤᠨ ᠤᠬᠠᠮᠰᠠᠷ ᠢ ᠪᠠᠳᠤ ᠪᠠᠬᠢ ᠪᠤᠢ ᠪᠤᠯᠭᠠᠨ᠂ ᠵᠠᠰᠠᠭ ᠤᠨ ᠤᠷᠳᠤᠨ ᠤ ᠤᠷᠴᠢᠨ ᠳᠤᠭᠤᠷᠢᠨ ᠢ | ᠬᠠᠮᠠᠭᠠᠯᠠᠬᠤ ᠪᠠ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠴᠢᠩᠭᠠᠳᠬᠠᠨ᠂ ᠤᠷᠴᠢᠨ ᠳᠤᠭᠤᠷᠢᠨ ᠤ | ᠶᠡᠷᠦᠩᠬᠡᠶᠢᠯᠡᠭᠰᠡᠨ ᠴᠡᠭᠴᠡᠯᠡᠯᠳᠡ ᠶᠢ ᠬᠦᠨᠵᠡᠬᠡᠢ ᠠᠬᠢᠭᠤᠯᠵᠤ᠂ ᠤᠷᠴᠢᠨ ᠳᠤᠭᠤᠷᠢᠨ ᠤ ᠬᠠᠤᠯᠢ ᠳᠦᠷᠢᠮ ᠠᠴᠠ | ᠵᠦᠷᠢᠴᠡᠭᠰᠡᠨ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠤᠬᠢᠯᠳᠠ ᠦᠭᠬᠦᠨ᠎ᠡ᠃ ᠨᠡᠶᠢᠳᠡ ᠶᠢᠨ | ᠪᠠᠶᠢᠭᠤᠯᠤᠮᠵᠢ ᠶᠢᠨ ᠡᠨᠧᠷᠬᠢ ᠠᠷᠪᠢᠯᠠᠬᠤ ᠬᠠᠮᠢᠶᠠᠷᠤᠯᠳᠠ ᠶᠢ ᠴᠢᠩᠭᠠᠳᠬᠠᠨ᠂ ᠭᠤᠤᠯᠳᠠᠯᠭ᠎ᠠ ᠲᠠᠢ ᠡᠨᠧᠷᠬᠢ ᠤᠨ | ᠬᠤᠷᠤᠭᠳᠠᠯ ᠶᠡᠬᠡᠳᠡᠢ ᠠᠵᠤ ᠠᠬᠤᠶᠢᠯᠠᠯ ᠤᠨ ᠡᠨᠧᠷᠬᠢ ᠠᠷᠪᠢᠯᠠᠬᠤ ᠠᠷᠭ᠎ᠠ ᠪᠠᠷᠢᠯ ᠢ ᠨᠠᠶᠢᠳᠠᠪᠤᠷᠢᠵᠢᠭᠤᠯᠬᠤ ᠶᠢ | ᠱᠠᠯᠠᠪᠳᠠᠭᠤᠯᠤᠨ ᠱᠠᠭᠠᠷᠳᠠᠵᠤ᠂ ᠡᠨᠧᠷᠬᠢ ᠠᠷᠪᠢᠯᠠᠬᠤ ᠳᠠᠭᠠᠭᠠᠮᠠᠭᠠᠢ ᠳᠤᠭᠳᠠᠯᠴᠠᠭ᠎ᠠ ᠶᠢ ᠳᠠᠰᠤᠷᠠᠯᠳᠠ ᠦᠬᠡᠢ | ᠳᠡᠬᠦᠯᠳᠡᠷᠵᠢᠬᠦᠯᠦᠨ᠎ᠡ᠃ ᠪᠤᠯᠪᠠᠰᠤᠨ ᠮᠦᠷᠳᠡᠬᠡᠨ ᠡᠨᠧᠷᠬᠢ ᠠᠷᠪᠢᠯᠠᠭᠰᠠᠨ᠂ ᠪᠤᠬᠢᠷᠳᠤᠯ ᠦᠬᠡᠢ ᠳᠤᠤᠷ᠎ᠠ | ᠨᠡᠬᠦᠷᠡᠰᠦᠳᠦ᠋ᠷᠦᠭᠴᠢᠳᠤ ᠦᠢᠯᠡᠳᠪᠦᠷᠢᠯᠡᠯ ᠤᠨ ᠬᠡᠯᠪᠡᠷᠢ᠂ ᠬᠡᠷᠡᠭᠯᠡᠬᠡᠨ ᠤ ᠬᠡᠪ ᠮᠠᠶ᠋ᠢᠭ ᠪᠠ ᠠᠮᠢᠳᠤᠷᠠᠯ ᠤᠨ ᠳᠠᠳᠬᠠᠯ ᠢ | ᠶᠡᠬᠡᠪᠡᠷ ᠰᠠᠨᠠᠭᠠᠴᠢᠯᠠᠨ᠎ᠠ᠃ | ᠰᠠᠭᠤᠷᠢ ᠲᠦᠬᠦᠬᠡᠷᠦᠮᠵᠢ ᠶᠢᠨ ᠪᠥᠳᠥᠭᠡᠨ ᠪᠠᠶᠢᠭᠤᠯᠣᠯᠳᠠ ᠶᠢᠨ ᠬᠥᠴᠥᠯᠡᠴᠡ ᠪᠠᠨ ᠶᠡᠬᠡᠰᠭᠡᠨ᠎ᠡ᠃ ᠪᠠᠯᠭᠤᠳᠣ | ᠶᠢᠨ ᠭᠤᠣᠯ ᠤᠨ ᠥᠶᠡᠷ ᠢ ᠰᠡᠷᠭᠡᠶᠢᠯᠡᠬᠦ᠂ ᠪᠠᠶᠠᠨᠮᠤᠳᠤᠨ ᠤ ᠣᠰᠣᠯᠠᠯᠳᠠ ᠶᠢᠨ ᠣᠷᠣᠨ ᠤ ᠣᠰᠣ ᠠᠷᠪᠢᠯᠠᠬᠤ | ᠢᠵᠢ ᠪᠥᠷᠢᠳᠥᠭᠰᠡᠨ ᠥᠭᠡᠷᠡᠴᠢᠯᠡᠯᠳᠡ ᠵᠡᠷᠭᠡ 5 ᠣᠰᠣᠨ ᠠᠰᠢᠭᠯᠠᠯᠳᠠ ᠶᠢᠨ ᠲᠥᠷᠥᠯ ᠵᠣᠶᠢᠯ ᠤᠨ ᠪᠥᠳᠥᠭᠡᠨ | ᠪᠠᠶᠢᠭᠤᠯᠣᠯᠳᠠ ᠶᠢ ᠬᠡᠷᠡᠭᠵᠢᠭᠦᠯᠥᠨ᠎ᠡ᠃ ᠵᠣᠬᠢᠴᠠᠭᠤᠯᠬᠤ ᠬᠥᠴᠥᠯᠡᠴᠡ ᠪᠠᠨ ᠶᠡᠬᠡᠰᠭᠡᠵᠥ᠂ ᠬᠥᠢᠪᠤᠷᠢ ᠶᠢᠨ | ᠬᠦᠳᠡᠬᠡᠨ ᠤ ᠦᠶᠡᠷ ᠤᠨ ᠤᠰᠤ ᠶᠢ ᠰᠠᠯᠭᠠᠬᠤ ᠤᠷᠤᠨ ᠢ ᠲᠥᠷᠥᠯ ᠲᠣᠭᠳᠠᠭᠠᠨ ᠴᠤᠬᠤᠯᠪᠤᠷᠢᠯᠠᠭᠤᠯᠬᠤ ᠪᠠᠷ ᠪᠥᠬᠦ | ᠬᠥᠴᠥ ᠪᠠᠷ ᠴᠢᠷᠮᠠᠶᠢᠨ᠎ᠠ᠃ ᠪᠠᠶᠠᠨᠬᠤᠳᠠ ᠠᠴᠠ ᠲᠣᠩᠭᠠᠯᠠᠭ ᠨᠠᠭᠤᠷ᠂ ᠡᠷᠬᠡᠬᠠᠰᠬ᠎ᠠ ︵ᠥᠪᠥᠷ ᠮᠣᠩᠭᠤᠯ ᠪᠠ | ᠭᠠᠨᠰᠣ ᠶᠢᠨ ᠬᠢᠯᠢ︶ ᠬᠥᠷᠬᠦ ᠵᠠᠰᠠᠮᠠᠯ ᠵᠠᠮ᠂ ᠥᠬᠠᠢ ᠪᠠᠶᠠᠨᠬᠤᠳᠠ ᠱᠣᠭᠤᠮ ᠠᠴᠠ ᠪᠣᠭᠤᠳᠣ ᠬᠥᠷᠬᠦ ᠲᠣᠰᠬᠤᠨ ᠳᠤ | ᠨᠡᠪᠳᠡᠷᠡᠬᠦᠯᠬᠦ ᠵᠠᠰᠠᠮᠠᠯ ᠵᠠᠮ ᠵᠡᠷᠭᠡ ᠵᠠᠮ ᠬᠠᠷᠢᠯᠴᠠᠭᠠᠨ ᠤ ᠲᠥᠷᠥᠯ ᠵᠣᠶᠢᠯ ᠢ ᠰᠠᠶᠢᠳᠣᠷ ᠠᠳᠬᠤᠵᠣ᠂ ᠣᠯᠠᠨᠪᠣᠯᠠᠭ | ᠠᠴᠠ ᠪᠠᠶᠠᠨᠮᠥ᠋ᠷᠡᠨ ᠭᠦᠷᠭᠦ ᠲᠥᠷᠭᠡᠨ ᠵᠠᠮ᠂ ᠲᠤᠯᠢ ᠠᠴᠠ ᠲᠡᠷᠠᠰᠥᠨ ᠭᠦᠷᠭᠦ ᠨᠢᠭᠡᠳᠣᠭᠡᠷ ᠲᠡᠰ ᠤᠨ ᠵᠠᠰᠠᠮᠠᠯ ᠵᠠᠮ ᠢ | ᠠᠵᠢᠯ ᠡᠭᠢᠯᠡᠭᠦᠯᠭᠦ ᠪᠠᠷ ᠴᠢᠷᠮᠠᠶᠢᠨ᠎ᠠ᠃ ᠪᠠᠶᠠᠨᠬᠤᠳᠠ ᠶᠢᠨ ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ ᠢ | ᠰᠠᠯᠠᠭ᠎ᠠ ᠱᠣᠭᠤᠮ ᠤᠨ ᠨᠢᠰᠭᠡᠯ ᠤᠨ ᠪᠠᠭᠤᠳᠠᠯ ᠪᠣᠯᠭᠠᠨ ᠳᠡᠰ ᠳᠡᠪᠰᠢᠭᠦᠯᠬᠦ ᠶᠢ ᠢᠳᠡᠪᠬᠢᠲᠠᠢ ᠠᠬᠢᠭᠤᠯᠵᠣ᠂ | ᠡᠷᠳᠡᠬᠡᠨ ᠠᠵᠢᠯ ᠡᠬᠢᠯᠡᠭᠦᠯᠥᠨ ᠬᠡᠷᠡᠭᠵᠢᠭᠦᠯᠬᠦ ᠪᠠᠷ ᠴᠢᠷᠮᠠᠶᠢᠨ᠎ᠠ᠃ ᠪᠡᠭᠡᠵᠢᠩ ᠠᠴᠠ ᠰᠢᠨᠵᠢᠶᠠᠩ ᠭᠦᠷᠭᠦ ᠲᠥᠷᠬᠡᠨ | ᠵᠠᠮ ︵ᠠᠯᠠᠱᠠ ᠵᠡᠭᠦᠨ ᠬᠤᠰᠢᠭᠤᠨ ᠤ ᠭᠡᠰᠡᠭ︶᠂ ᠭᠠᠨ ᠲᠠᠩ ᠠᠴᠠ ᠡᠣ ᠸᠧᠢ ᠶᠢᠨ ᠡᠮᠥᠨ᠎ᠡ ᠬᠥᠷᠬᠦ ᠲᠡᠮᠥᠷ ᠵᠠᠮ | ᠤᠨ ᠬᠤᠶᠠᠳᠣᠭᠠᠷ ᠱᠣᠭᠤᠮ ᠤᠨ ᠪᠥᠳᠥᠭᠡᠨ ᠪᠠᠶᠢᠭᠤᠯᠣᠯᠳᠠ ᠶᠢᠨ ᠢᠨᠵᠧᠨᠧᠷᠢᠩ ᠳᠤ ᠵᠣᠬᠢᠴᠠᠭᠤᠯᠣᠨ ᠣᠶᠢᠯᠡᠴᠢᠯᠡᠬᠦ | ᠠᠵᠢᠯ ᠢᠶᠠᠨ ᠪᠥᠬᠦ ᠬᠥᠴᠥᠨ ᠢᠶᠠᠷ ᠰᠠᠶᠢᠳᠣᠷ ᠬᠢᠨ᠎ᠡ᠃ ᠠᠯᠳ᠋ᠬᠠᠣᠪᠣᠭᠠᠨ ᠤ ᠨᠡᠭᠡᠭᠡᠯᠭᠡ ᠶᠢᠨ ᠥᠷᠳᠡᠭᠡᠨ ᠠᠴᠠ | ᠪᠠᠶᠠᠨᠭᠤᠤᠯ ᠭᠦᠷᠭᠦ 500 ᠺᠢᠯᠤᠸᠤᠯᠲ᠂ ᠥᠯᠵᠠᠢ ᠪᠣᠭᠤᠮᠳᠠ ᠶᠢᠨ110 ᠺᠢᠯᠤᠸᠤᠯᠲ᠂ ᠰᠣᠬᠤᠩᠳᠣ ᠶᠢᠨ 220 | ᠺᠢᠯᠤᠸᠤᠯᠲ ᠭᠦᠴᠦᠳᠠᠯ ᠦᠭᠡᠷᠡᠴᠢᠯᠡᠵᠥ ᠴᠠᠬᠢᠯᠭᠠᠨ ᠲᠠᠮᠵᠢᠭᠤᠯᠬᠤ ᠪᠠ ᠲᠠᠷᠢᠶᠠᠯᠠᠩ ᠤᠨ ᠴᠠᠬᠢᠯᠭᠠᠨ ᠲᠣᠣᠷ ᠢ | ᠥᠭᠡᠷᠡᠴᠢᠯᠡᠨ ᠲᠡᠰ ᠲᠡᠪᠰᠢᠭᠦᠯᠭᠦ ᠵᠡᠷᠭᠡ ᠴᠠᠬᠢᠯᠭᠠᠨ ᠬᠥᠴᠣᠨ ᠤ ᠲᠥᠷᠥᠯ ᠵᠣᠶᠢᠯ ᠢ ᠬᠡᠷᠡᠭᠵᠢᠭᠦᠯᠵᠣ᠂ ᠴᠠᠬᠢᠯᠭᠠᠨ | ᠬᠠᠩᠭᠠᠬᠤ ᠨᠠᠶᠢᠳᠠᠪᠣᠷᠢᠳᠣ ᠴᠢᠨᠠᠷ ᠢ ᠳᠡᠭᠡᠭᠰᠢᠯᠡᠭᠦᠯᠥᠨ᠎ᠠ᠃ ᠴᠢᠮᠡᠭᠡ ᠨᠡᠪᠳᠡᠷᠡᠯᠬᠡ ᠶᠢᠨ ᠡᠵᠡᠩᠨᠡᠯᠳᠡ ᠶᠢᠨ | ᠠᠷᠠᠯᠵᠢᠶᠠᠴᠢᠨ ᠢ ᠢᠳᠡᠪᠬᠢᠳᠠᠢ ᠵᠤᠬᠢᠴᠠᠭᠤᠯᠤᠨ᠂ ᠬᠥᠪᠡᠭᠡ ᠬᠢᠵᠠᠭᠠᠷ ᠰᠣᠮᠣ ᠪᠠᠯᠭᠠᠰᠤᠨ ᠤ ᠴᠢᠮᠡᠭᠡ ᠨᠡᠪᠳᠡᠷᠡᠯᠬᠡ | ᠶᠢᠨ ᠬᠡᠷᠡᠭᠴᠡᠭᠡ ᠶᠢ ᠪᠠᠳᠤᠯᠠᠨ᠎ᠠ᠃ | ︵ᠲᠥᠷᠪᠡ︶ ᠬᠤᠳᠠ ᠬᠥᠳᠡᠭᠡᠨ ᠤ ᠣᠶᠢᠯᠡᠴᠢᠯᠡᠭᠡᠨ ᠤ ᠴᠢᠳᠠᠪᠤᠷᠢ ᠶᠢ ᠲᠡᠭᠦᠯᠳᠡᠷᠵᠢᠭᠦᠯᠵᠥ᠂ ᠬᠤᠳᠠ | ᠪᠠᠯᠭᠠᠰᠣᠵᠢᠯᠳᠠ ᠶᠢᠨ ᠬᠥᠭᠵᠢᠯᠳᠡ ᠶᠢᠨ ᠠᠬᠢᠴᠠ ᠶᠢ ᠲᠥᠯᠬᠢᠨ ᠠᠬᠢᠭᠤᠯᠣᠨ᠎ᠠ | ᠲᠥᠯᠥᠪᠵᠢᠭᠦᠯᠭᠡ ᠪᠠᠷ ᠤᠳᠤᠷᠢᠳᠤᠭᠤᠯᠬᠤ ᠪᠣᠯᠣᠨ ᠰᠠᠭᠤᠷᠢ ᠶᠢ ᠲᠡᠷᠢᠭᠦᠨ ᠳᠤ ᠲᠠᠯᠪᠢᠬᠤ ᠶᠢ ᠬᠠᠷᠢᠯᠴᠠᠨ ᠨᠢᠭᠡᠳᠬᠡᠬᠦ | ᠂ ᠠᠵᠣ ᠣᠶᠢᠯᠡᠰ ᠢᠶᠠᠷ ᠳᠠᠶᠢᠴᠢᠯᠠᠬᠤ ᠪᠣᠯᠣᠨ ᠬᠤᠳᠠ ᠪᠠᠯᠭᠠᠰᠤᠨ ᠤ ᠪᠥᠳᠥᠭᠡᠨ ᠪᠠᠶᠢᠭᠤᠯᠤᠯᠳᠠ ᠶᠢ ᠬᠠᠷᠢᠯᠴᠠᠨ | ᠣᠶᠠᠯᠳᠣᠭᠤᠯᠬᠤ ᠶᠢ ᠪᠠᠷᠢᠮᠳᠠᠯᠠᠨ᠂ ᠬᠤᠳᠠ ᠬᠥᠳᠡᠭᠡᠨ ᠤ ᠨᠢᠭᠡ ᠴᠣᠭᠴᠠᠵᠢᠭᠤᠯᠣᠯᠳᠠ ᠶᠢᠨ ᠪᠥᠳᠥᠭᠡᠨ | ᠪᠠᠶᠢᠭᠤᠯᠣᠯᠳᠠ ᠶᠢ ᠢᠳᠡᠪᠬᠢᠲᠠᠢ ᠯᠠᠪᠳᠠᠭᠤᠨ ᠢᠶᠠᠷ ᠲᠥᠯᠬᠢᠨ ᠠᠬᠢᠭᠤᠯᠣᠨ᠎ᠠ᠃ | ᠬᠤᠳᠠ ᠬᠦᠳᠡᠬᠡᠨ ᠤ ᠲᠥᠯᠥᠪᠵᠢᠭᠦᠯᠭᠡ ᠪᠦᠳᠦᠬᠡᠨ ᠪᠠᠶᠢᠭᠤᠯᠤᠯᠳᠠ ᠶᠢ ᠨᠢᠭᠡᠳᠤᠯᠳᠠᠢ ᠲᠦᠯᠤᠪᠵᠢᠭᠦᠯᠣᠨᠠ᠃ ᠰᠣᠮᠣ | ᠪᠠᠯᠭᠠᠰᠣᠨ ᠤ ᠶᠡᠷᠥᠩᠬᠢ ᠲᠥᠯᠥᠪᠵᠢᠭᠦᠯᠭᠡ᠂ ᠡᠵᠡᠮᠰᠢᠯ ᠤᠨ ᠴᠢᠨᠠᠷᠲᠠᠢ ᠨᠠᠷᠢᠨ ᠲᠥᠯᠥᠪᠵᠢᠭᠦᠯᠭᠡ ᠪᠠ ᠠᠵᠣ | ᠣᠶᠢᠯᠡᠰ ᠤᠨ ᠬᠥᠭᠵᠢᠯᠳᠡ ᠶᠢᠨ ᠲᠥᠯᠥᠪᠵᠢᠭᠦᠯᠭᠡ ᠵᠢᠴᠢ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠠᠶᠢᠭᠤᠯᠣᠯᠳᠠ | ᠶᠢᠨ ᠲᠥᠯᠥᠪᠵᠢᠭᠦᠯᠭᠡ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠥᠨ᠎ᠡ᠃ ᠡᠯ᠎ᠡ ᠵᠤᠶᠢᠯ ᠤᠨ ᠳᠣᠷ᠎ᠠ ᠪᠠᠷ ᠡᠵᠡᠯᠡᠬᠦ᠂ | ᠳᠣᠷ᠎ᠠ ᠪᠠᠷ ᠪᠠᠶᠢᠭᠤᠯᠬᠤ ᠠᠵᠢᠯᠯᠠᠭ᠎ᠠ ᠳᠤ ᠬᠠᠣᠯᠢ ᠪᠠᠷ ᠴᠢᠩᠭ᠎ᠠ ᠴᠣᠬᠢᠯᠳᠠ ᠥᠭᠴᠥ᠂ ᠲᠥᠯᠥᠪᠵᠢᠭᠦᠯᠭᠡ ᠶᠢᠨ | ᠲᠥᠪ ᠴᠢᠩᠭ᠎ᠠ ᠴᠢᠨᠠᠷ ᠢ ᠬᠠᠮᠠᠭᠠᠯᠠᠨ᠎ᠠ᠃ 2.6 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠪᠠᠶᠠᠨᠬᠤᠳᠠ | ᠶᠢᠨ ᠬᠤᠸᠠᠷᠠᠨ ᠤ ᠰᠢᠯᠢ ᠶᠢᠨ ᠣᠰᠣᠨ ᠰᠢᠰᠲ᠋ᠧᠮ᠂ ᠬᠤᠯᠠᠳᠠᠬᠢᠨ ᠢ ᠲᠤᠭᠳᠠᠭᠠᠭᠴᠢ ᠬᠤᠷᠢᠶᠠᠨ ᠤ ᠬᠠᠭᠤᠴᠢᠨ | ᠬᠤᠳᠠ ᠪᠠ ᠠᠷᠠᠳ ᠤᠨ ᠬᠠᠭᠤᠴᠢᠨ ᠤᠷᠤᠨ ᠰᠠᠭᠤᠴᠠ ᠶᠢ ᠵᠠᠰᠠᠵᠥ ᠬᠠᠮᠠᠭᠠᠯᠠᠬᠤ᠂ ᠥᠭᠡᠯᠡᠳ ᠵᠠᠮ ᠤᠨ | ᠨᠤᠭᠤᠭᠠᠷᠠᠭᠤᠯᠥᠯᠳᠠ ᠶᠢᠨ ᠥᠵᠡᠮᠵᠢ᠂ ᠴᠠᠬᠢᠯᠭᠠᠨ ᠤᠳᠠᠰᠤ ᠶᠢ ᠭᠠᠵᠠᠷ ᠲᠤᠤᠷ᠎ᠠ ᠤᠷᠤᠭᠤᠯᠬᠤ᠂ ᠪᠤᠬᠢᠷ ᠤᠰᠤ ᠶᠢ | ᠰᠢᠢᠳᠪᠦᠷᠢᠯᠡᠭᠦ ᠵᠡᠷᠭᠡ ᠪᠦᠳᠦᠬᠡᠨ ᠪᠠᠶᠢᠭᠤᠯᠣᠯᠳᠠ ᠶᠢᠨ ᠲᠥᠷᠥᠯ ᠵᠣᠶᠢᠯ ᠢ ᠬᠡᠷᠡᠭᠵᠢᠭᠦᠯᠥᠨ᠎ᠡ᠃ ᠪᠥᠷᠬᠡ ᠭᠡᠷ ᠤᠨ | ᠥᠭᠡᠷᠡᠴᠢᠯᠡᠯᠳᠡ ᠶᠢᠨ ᠭᠤᠷᠪᠠᠨ ᠵᠢᠯ ᠤᠨ ᠲᠥᠯᠥᠪᠵᠢᠭᠦᠯᠭᠡ ᠶᠢ ᠳᠣᠭᠲᠠᠭᠠᠨ ᠬᠡᠷᠡᠭᠵᠢᠬᠦᠯᠵᠦ᠂ ᠰᠠᠶᠢᠨ ᠳᠣᠷ᠎ᠠ ᠠᠴᠠ | ᠪᠠᠨ ᠭᠤᠶᠣᠴᠢᠯᠠᠬᠤ ᠪᠠ ᠲᠥᠪᠯᠡᠷᠡᠭᠦᠯᠥᠨ ᠪᠥᠬᠦᠯᠢ ᠬᠡᠰᠡᠭ ᠢᠶᠠᠷ ᠲᠠᠳᠠᠪᠣᠷᠢᠯᠠᠬᠤ ᠶᠢ ᠣᠶᠠᠯᠳᠣᠭᠤᠯᠬᠤ ᠬᠡᠯᠪᠡᠷᠢ ᠪᠠᠷ | ᠬᠤᠭᠤᠴᠠᠭ᠎ᠠ᠂ ᠣᠷᠣᠨ ᠬᠤᠪᠢᠶᠠᠵᠥ ᠪᠥᠷᠬᠡ ᠭᠡᠷ ᠤᠨ ᠥᠭᠡᠷᠡᠴᠢᠯᠡᠯᠳᠡ ᠶᠢ ᠠᠬᠢᠭᠤᠯᠤᠨ᠎ᠠ᠃ ᠭᠤᠷᠪᠠᠨ ᠵᠢᠯ ᠤᠨ | ᠪᠦᠷᠬᠡ ᠬᠡᠷ ᠤᠨ ᠤᠷᠤᠨ ᠤ ᠦᠬᠡᠷᠡᠴᠢᠯᠡᠯᠳᠡ ᠶᠢᠨ ᠬᠡᠪᠴᠢᠶᠡᠨ ᠳᠤ ᠤᠷᠤᠭᠰᠠᠨ ᠮᠦᠳᠡᠬᠡᠨ ᠨᠤᠷᠠᠬᠤ ᠠᠶᠤᠯᠳᠠᠢ ᠬᠡᠷ | ᠪᠠᠶᠢᠰᠢᠩ ᠬᠡᠵᠦ ᠨᠤᠳᠠᠯᠠᠭᠳᠠᠭᠰᠠᠨ ᠰᠠᠭᠤᠬᠤ ᠡᠷᠦᠬᠡ ᠨᠢ᠂ ᠲᠠᠳᠠᠪᠤᠷᠢᠯᠠᠬᠤ ᠨᠦᠬᠦᠪᠦᠷᠢ ᠪᠠ ᠲᠦᠪᠬᠢᠨᠡᠬᠦᠯᠬᠦ | ᠪᠠᠷᠢᠮᠵᠢᠶ᠎ᠠ ᠶᠢ ᠴᠢᠩᠭ᠎ᠠ ᠭᠡᠷᠡᠭᠵᠢᠬᠦᠯᠬᠦ ᠤᠷᠢᠳᠠᠯ ᠲᠤᠤᠷ᠎ᠠ᠂ ᠬᠡᠵᠢᠶ᠎ᠡ ᠴᠤ ᠨᠦᠬᠦᠪᠦᠷᠢᠯᠡᠵᠦ ᠲᠦᠪᠬᠢᠨᠡᠬᠦᠯᠬᠦ ᠬᠡᠷ᠎ᠡ ᠳᠤ | ᠭᠠᠷ ᠤᠨ ᠦᠰᠦᠭ ᠵᠢᠷᠤᠵᠤ᠂ ᠬᠡᠷ ᠪᠠᠶᠢᠰᠢᠩ ᠢᠶᠠᠨ ᠨᠤᠷᠠᠭᠠᠵᠤ ᠪᠤᠯᠤᠨ᠎ᠠ᠃ ᠵᠢᠷᠠᠲᠠᠢ᠂ ᠲᠡᠭᠷᠢ ᠡᠯᠡᠰᠦᠨ ᠤ ᠪᠠᠭ᠎ᠠ | ᠬᠤᠳᠠ ᠪᠠᠯᠭᠠᠰᠤᠨ ᠤ ᠪᠠᠶᠢᠭᠤᠯᠣᠯᠳᠠ ᠶᠢᠨ ᠲᠣᠷᠰᠢᠯᠳᠠ ᠶᠢᠨ ᠴᠡᠭ ᠤᠨ ᠠᠵᠢᠯ ᠢ ᠦᠷᠨᠢᠬᠦᠯᠵᠦ᠂ ᠪᠠᠷᠠᠭᠤᠨ ᠪᠡᠯ᠂ | ᠵᠡᠬᠦᠨ ᠪᠡᠯ ᠵᠡᠷᠭᠡ ᠬᠤᠳᠠ ᠪᠠᠯᠭᠠᠰᠤᠨ ᠤ ᠰᠠᠭᠤᠷᠢ ᠲᠦᠬᠦᠬᠡᠷᠦᠮᠵᠢ ᠶᠢᠨ ᠪᠥᠳᠥᠭᠡᠨ ᠪᠠᠶᠢᠭᠤᠯᠣᠯᠳᠠ ᠶᠢ ᠳᠡᠮᠵᠢᠨ᠎ᠠ᠃ | ᠡᠳ᠋ ᠤᠨ ᠵᠠᠰᠠᠭ ᠤᠨ ︽ᠣᠴᠢᠷ ᠨᠢᠭᠡᠪᠥᠷᠢ ᠶᠢ ᠲᠣᠰᠬᠠᠢ ᠵᠥᠪᠳᠡᠬᠦ︾ ᠵᠡᠷᠭᠡ ᠲᠠᠷᠢᠶᠠᠯᠠᠩ ᠲᠠᠢ ᠬᠤᠯᠪᠣᠭᠳᠠᠬᠤ | ᠲᠥᠷᠥᠯ ᠵᠣᠶᠢᠯ ᠤᠨ ᠪᠠᠯᠡ ᠮᠥᠩᠭᠦ ᠶᠢ ᠨᠢᠭᠡᠳᠬᠡᠵᠣ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢᠰᠢᠬᠤ ᠣᠷᠴᠢᠨ | ᠲᠣᠭᠤᠷᠢᠨ ᠤ ᠶᠡᠷᠥᠩᠬᠡᠶᠢᠯᠡᠭᠰᠡᠨ ᠴᠡᠭᠴᠡᠯᠡᠯᠳᠡ ᠶᠢᠨ ᠢᠨᠵᠧᠨᠧᠷᠢᠩ ᠢ ᠬᠡᠷᠡᠭᠵᠢᠭᠦᠯᠵᠥ᠂ ᠰᠢᠨ᠎ᠡ ᠮᠠᠯᠵᠢᠬᠤ | ᠲᠠᠷᠢᠶᠠᠯᠠᠬᠤ ᠣᠷᠣᠨ ᠤ ᠪᠥᠳᠥᠭᠡᠨ ᠪᠠᠶᠢᠭᠤᠯᠣᠯᠳᠠ ᠶᠢ ᠲᠥᠯᠬᠢᠨ ᠠᠬᠢᠭᠤᠯᠵᠣ᠂ ᠮᠠᠯᠵᠢᠬᠤ ᠲᠠᠷᠢᠶᠠᠯᠠᠬᠤ ᠣᠷᠣᠨ ᠤ | ᠪᠥᠳᠥᠭᠡᠨ ᠪᠠᠶᠢᠭᠤᠯᠣᠯᠳᠠ ᠶᠢᠨ ᠬᠢᠷᠢ ᠲᠥᠪᠰᠢᠨ ᠢ ᠶᠡᠷᠦᠩᠬᠡᠢ ᠳᠤ ᠨᠢ ᠳᠡᠭᠡᠭᠰᠢᠯᠡᠭᠦᠯᠥᠨ᠎ᠡ᠃ | ᠬᠤᠳᠠ ᠪᠠᠯᠭᠠᠰᠤᠨ ᠤ ᠶᠡᠷᠥᠩᠬᠡᠶᠢᠯᠡᠭᠰᠡᠨ ᠬᠠᠮᠢᠶᠠᠷᠥᠯᠳᠠ ᠶᠢ ᠴᠢᠩᠭᠠᠳᠬᠠᠨ᠎ᠠ᠃ ᠬᠤᠳᠠ ᠶᠢᠨ | ᠨᠠᠷᠢᠯᠢᠭᠵᠢᠭᠤᠯᠣᠭᠰᠠᠨ ᠬᠠᠮᠢᠶᠠᠷᠥᠯᠳᠡ ᠶᠢ ᠳᠡᠯᠭᠡᠷᠡᠭᠦᠯᠥᠨ ᠠᠬᠢᠭᠤᠯᠵᠣ᠂ ᠬᠤᠳᠠ ᠶᠢᠨ ᠲᠥᠷᠰᠥ ᠪᠠᠶᠢᠳᠠᠯ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠶᠡᠷᠥᠩᠬᠡᠶᠢᠯᠡᠭᠰᠡᠨ ᠴᠡᠭᠴᠡᠯᠡᠯᠳᠡ ᠶᠢ ᠶᠡᠬᠡᠪᠡᠷ ᠥᠷᠨᠢᠭᠦᠯᠵᠣ᠂ 10 ᠵᠣᠷᠪᠣᠰ | ᠵᠡᠭᠡᠯᠢ ᠭᠤᠳᠣᠮᠵᠢ ᠶᠢ ᠬᠠᠳᠠᠭᠤᠷᠠᠭᠤᠯᠣᠨ᠂ ᠵᠡᠭᠡᠯᠢ ᠭᠤᠳᠣᠮᠵᠢ ᠶᠢ ᠴᠡᠪᠡᠷᠯᠡᠵᠣ ᠠᠷᠢᠭᠤᠳᠬᠠᠬᠤ ᠪᠥᠷᠬᠦᠴᠡ ᠶᠢᠨ | ᠬᠡᠮᠵᠢᠶ᠎ᠡ ᠶᠢ ᠥᠷᠭᠡᠳᠬᠡᠨ᠎ᠡ᠃ ᠡᠭᠦᠳᠡᠨ ᠡᠮᠥᠨᠡᠬᠢ ︽ ᠭᠤᠷᠪᠠ ᠶᠢ ᠳᠠᠭᠠᠭᠠᠴᠢᠯᠠᠬᠤ︾ ᠲᠥᠷᠢᠮ ᠢ ᠴᠢᠩᠭ᠎ᠠ | ᠨᠠᠶᠢᠳᠠᠪᠣᠷᠢᠵᠢᠭᠤᠯᠵᠣ᠂ ᠵᠠᠮ ᠡᠵᠡᠯᠡᠨ ᠡᠵᠡᠩᠨᠡᠬᠦ᠂ ᠳᠣᠷ᠎ᠠ ᠪᠠᠷ ᠪᠠᠶᠢᠰᠢᠩ ᠰᠠᠷᠠᠪᠴᠢ ᠪᠠᠶᠢᠭᠤᠯᠬᠤ ᠵᠡᠷᠭᠡ ᠣᠶᠢᠯᠡ | ᠠᠵᠢᠯᠯᠠᠭ᠎ᠠ ᠶᠢ ᠴᠠᠪᠡᠷᠯᠡᠨ ᠴᠡᠭᠴᠡᠯᠡᠨ᠎ᠡ᠃ ᠣᠷᠴᠢᠨ ᠲᠣᠭᠤᠷᠢᠨ ᠡᠷᠡᠭᠦᠯ ᠬᠠᠮᠠᠭᠠᠯᠠᠯ ᠤᠨ ᠰᠠᠭᠤᠷᠢ | ᠳᠦᠬᠦᠬᠡᠷᠦᠮᠵᠢ ᠶᠢᠨ ᠪᠠᠶᠢᠭᠤᠯᠣᠯᠳᠠ ᠶᠢ ᠴᠢᠩᠭᠠᠳᠬᠠᠵᠣ᠂ ᠣᠰᠣ ᠪᠠᠷ ᠴᠡᠪᠡᠷᠯᠡᠬᠦ ᠮᠠᠶ᠋ᠢᠭ ᠤᠨ 10 ᠵᠣᠷᠯᠣᠩ ᠢ | ᠰᠢᠨ᠎ᠡ ᠪᠠᠷ ᠪᠠᠶᠢᠭᠤᠯᠵᠣ᠂ 8 ᠰᠠᠤᠷᠢ ᠬᠤᠭ ᠱᠥᠭᠦᠷᠳᠡᠬᠦ ᠮᠠᠰᠢᠨ ᠲᠡᠷᠭᠡ ᠶᠢ ᠬᠤᠳᠠᠯᠳᠣᠨ ᠠᠪᠣᠨ᠎ᠠ᠃ ᠲᠡᠷᠭᠡ | ᠵᠣᠭᠰᠣᠭᠠᠬᠤ ᠲᠠᠯᠠᠪᠣᠷ ᠪᠠ ᠣᠷᠣᠨ ᠪᠠᠶᠢᠷᠢ ᠶᠢᠨ ᠪᠠᠶᠢᠭᠤᠯᠣᠯᠳᠠ ᠬᠠᠮᠢᠶᠠᠷᠣᠯᠳᠠ ᠶᠢ ᠴᠢᠩᠭᠠᠳᠬᠠᠨ᠂ ᠮᠠᠰᠢᠨ ᠲᠡᠷᠭᠡ | ᠪᠠ ᠮᠠᠰᠢᠨᠳᠣ ᠪᠣᠰᠣ ᠲᠡᠷᠭᠡ ᠵᠣᠭᠰᠣᠭᠠᠬᠤ ᠡᠮᠬᠢ ᠳᠢᠭᠯᠢᠮ ᠢ ᠵᠢᠷᠤᠮᠵᠢᠭᠤᠯᠵᠤ᠂ ᠰᠠᠭᠠᠳ ᠥᠭᠡᠢ ᠡᠮᠬᠢ ᠳᠢᠭᠯᠢᠮ ᠲᠠᠢ | ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠢ ᠪᠣᠯᠭᠠᠨ᠎ᠠ᠃ ᠨᠡᠶᠢᠳᠡ ᠶᠢᠨ ᠲᠥᠬᠦᠭᠡᠷᠥᠮᠵᠢ ᠶᠢᠨ ᠬᠠᠮᠠᠭᠠᠯᠠᠯᠳᠠ | ᠪᠠ ᠬᠠᠮᠢᠶᠠᠷᠥᠯᠳᠠ ᠶᠢ ᠴᠢᠩᠭᠠᠳᠬᠠᠨ᠂ ᠵᠠᠮ ᠤᠨ ᠳ᠋ᠧᠩ᠂ ᠵᠠᠮ ᠬᠠᠷᠢᠯᠴᠠᠭᠠᠨ ᠤ ᠲᠣᠬᠢᠶᠠᠨ ᠳ᠋ᠧᠩ ᠵᠡᠷᠭᠡ | ᠲᠥᠬᠦᠭᠡᠷᠥᠮᠵᠢ ᠶᠢᠨ ᠬᠡᠪ ᠢᠶᠠᠷ ᠠᠵᠢᠯᠯᠠᠬᠤ ᠶᠢ ᠪᠠᠳᠣᠯᠠᠨ᠎ᠠ᠃ ᠬᠤᠳᠠ ᠪᠠᠯᠭᠠᠰᠤᠨ ᠤ ᠬᠠᠮᠢᠶᠠᠷᠣᠯᠳᠠ ᠶᠢᠨ ᠬᠠᠣᠯᠢ | ᠴᠠᠭᠠᠵᠠ ᠲᠥᠷᠢᠮ ᠲᠣᠭᠳᠠᠭᠠᠯ ᠢ ᠶᠡᠬᠡᠪᠠᠷ ᠣᠬᠠᠭᠤᠯᠣᠨ᠂ ᠣᠯᠠᠨ ᠲᠥᠮᠡᠨ ᠤ ᠪᠣᠯᠪᠠᠰᠣᠨ ᠥᠵᠡᠯ ᠣᠬᠠᠮᠰᠠᠷ ᠢ | ᠳᠡᠭᠡᠭᠰᠢᠯᠡᠭᠦᠯᠵᠥ᠂ ᠪᠣᠯᠪᠠᠰᠣᠨ ᠬᠤᠳᠠ ᠪᠠᠷ ᠰᠢᠯᠭᠠᠨ ᠲᠣᠭᠲᠠᠭᠠᠭᠰᠠᠨ ᠥᠷ᠎ᠡ ᠪᠥᠳᠥᠮᠵᠢ ᠪᠠᠨ ᠪᠠᠳᠣᠳᠬᠠᠵᠣ᠂ | ᠰᠠᠭᠤᠭᠠᠯᠢ ᠠᠷᠠᠳ ᠤᠨ ᠲᠠᠨᠢᠯᠳᠠ ᠥᠨᠳᠥᠷ᠂ ᠰᠠᠯᠠᠭ᠎ᠠ ᠮᠥᠴᠢᠷ ᠤᠨ ᠬᠢᠨᠠᠯᠳᠠ ᠴᠢᠩᠭ᠎ᠠ᠂ ᠨᠡᠶᠢᠬᠡᠮ ᠳᠠᠶᠠᠭᠠᠷ | ᠣᠬᠠᠮᠰᠠᠷ ᠠᠴᠠ ᠪᠠᠨ ᠬᠠᠮᠳᠣᠷᠠᠨ ᠬᠠᠮᠢᠶᠠᠷᠣᠭᠰᠠᠨ ᠬᠤᠳᠠ ᠪᠠᠯᠭᠠᠰᠤᠨ ᠤ ᠬᠠᠮᠢᠶᠠᠷᠣᠯᠳᠠ ᠶᠢᠨ ᠰᠢᠨ᠎ᠡ ᠪᠠᠶᠢᠳᠠᠯ ᠢ | ᠣᠯᠠᠮ ᠢᠶᠠᠷ ᠪᠥᠷᠢᠯᠳᠥᠭᠦᠯᠵᠥ᠂ ᠥᠪᠡᠷᠳᠡᠭᠡᠨ ᠵᠠᠰᠠᠬᠤ ᠣᠷᠣᠨ ᠤ ︽ᠠᠵᠢᠯᠯᠠᠵᠣ ᠰᠠᠭᠤᠷᠢᠰᠢᠬᠤ ᠳᠤ | ᠳᠤᠬᠢᠷᠠᠮᠵᠢᠳᠠᠢ ᠥᠵᠡᠰᠭᠦᠯᠡᠩ ᠰᠠᠶᠢᠬᠠᠨ︾ ᠰᠢᠶᠡᠨ ᠤ ᠬᠤᠳᠠ ᠪᠣᠯᠬᠤ ᠪᠠᠷ ᠴᠢᠷᠮᠠᠶᠢᠨ᠎ᠠ᠃ | ︵ ᠲᠠᠪᠤ︶ ᠠᠷᠠᠳ ᠤᠨ ᠠᠮᠢᠳᠤᠷᠠᠯ ᠢ ᠪᠠᠳᠥᠯᠡᠨ ᠰᠠᠶᠢᠵᠢᠷᠠᠭᠤᠯᠬᠤ ᠳᠤ ᠭᠦᠴᠥ ᠪᠠᠨ ᠳᠠᠯᠪᠢᠵᠥ᠂ ᠨᠡᠶᠢᠬᠡᠮ ᠤᠨ | ᠡᠶ᠎ᠡ ᠵᠤᠬᠢᠴᠠᠩᠭᠤᠢ ᠠᠮᠣᠷ ᠲᠣᠭᠳᠠᠭᠤᠨ ᠢ ᠠᠬᠢᠭᠤᠯᠣᠨ᠎ᠠ | ᠥᠨᠳᠣᠰᠣᠨ ᠨᠡᠶᠢᠳᠡ ᠶᠢᠨ ᠣᠶᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠥ᠂ ᠨᠡᠶᠢᠬᠡᠮ ᠤᠨ ᠪᠠᠳᠣᠯᠠᠭ᠎ᠠ ᠪᠠ | ᠬᠠᠮᠢᠶᠠᠷᠣᠯᠳᠠ ᠶᠢ ᠴᠢᠩᠭᠠᠳᠬᠠᠨ᠂ ᠣᠯᠠᠨ ᠳᠦᠮᠡᠨ ᠤ ᠠᠰᠢᠭ ᠲᠣᠰᠠ ᠳᠤ ᠬᠤᠯᠪᠣᠭᠳᠠᠭᠰᠠᠨ ᠠᠰᠠᠭᠤᠳᠠᠯ ᠢ | ᠬᠥᠴᠥᠯᠡᠨ ᠰᠢᠢᠳᠪᠣᠷᠢᠯᠡᠵᠣ᠂ ᠣᠯᠠᠨ ᠳᠦᠮᠡᠨ ᠢ ᠤᠯᠠᠮ ᠠᠮᠣᠷ ᠲᠥᠪᠰᠢᠨ᠂ ᠡᠶ᠎ᠡ ᠨᠠᠶᠢᠷᠠᠮᠳᠠᠭᠤ᠂ ᠠᠵᠠ ᠵᠢᠷᠭᠠᠯ | ᠲᠠᠢ ᠠᠮᠢᠳᠣᠷᠠᠭᠤᠯᠣᠨ᠎ᠠ᠃ | ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠥᠷᠭᠦᠯᠵᠢᠯᠡᠨ ᠰᠠᠶᠢᠳᠣᠷ ᠠᠳᠬᠤᠨ᠎ᠠ᠃ ᠠᠵᠢᠯ ᠣᠯᠬᠤ ᠳᠤ | ᠬᠥᠴᠢᠷᠳᠡᠯ ᠲᠠᠢ ᠬᠥᠮᠥᠰ ᠢ ᠬᠠᠪᠰᠣᠷᠣᠨ ᠳᠡᠮᠵᠢᠬᠦ ᠬᠥᠴᠥᠯᠡᠴᠡ ᠪᠠᠨ ᠶᠡᠬᠡᠰᠭᠡᠵᠣ᠂ ᠶᠡᠭᠡ ᠰᠣᠷᠭᠠᠭᠤᠯᠢ ᠠᠴᠠ | ᠲᠡᠭᠦᠰᠥᠭᠰᠠᠳ᠂ ᠮᠠᠯᠵᠢᠬᠤ ᠲᠠᠷᠢᠶᠠᠯᠠᠬᠤ ᠣᠷᠣᠨ ᠠᠴᠠ ᠰᠢᠯᠵᠢᠭᠰᠡᠨ ᠬᠥᠳᠡᠯᠮᠥᠷᠢ ᠬᠦᠴᠦ ᠵᠡᠷᠭᠡ ᠭᠤᠣᠯᠳᠠᠯᠠᠭ᠎ᠠ ᠲᠠᠢ | ᠬᠥᠮᠥᠰ ᠤᠨ ᠠᠵᠢᠯ ᠣᠯᠬᠤ ᠠᠰᠠᠭᠤᠳᠠᠯ ᠢ ᠨᠢᠭᠡᠳᠣᠯᠲᠠᠢ ᠲᠥᠯᠥᠪᠵᠢᠭᠦᠯᠵᠣ ᠰᠠᠶᠢᠳᠣᠷ ᠰᠢᠢᠳᠪᠣᠷᠢᠯᠡᠵᠣ᠂ ᠮᠣᠩᠭᠤᠯ | ᠬᠢᠳᠠᠳ ᠬᠤᠶᠠᠷ ᠬᠡᠯᠡ ᠪᠠᠷ ᠰᠣᠷᠣᠭᠰᠠᠨ ᠳᠡᠭᠡᠳᠣ ᠰᠣᠷᠭᠠᠭᠤᠯᠢ ᠠᠴᠠ ᠲᠡᠭᠦᠰᠥᠭᠰᠠᠳ ᠤᠨ ᠠᠵᠢᠯ ᠣᠯᠬᠤ ᠠᠷᠭ᠎ᠠ | ᠵᠠᠮ ᠢ ᠥᠷᠭᠡᠳᠬᠡᠨ᠂ ᠠᠵᠢᠯ ᠲᠠᠢ ᠬᠥᠮᠥᠨ ᠥᠭᠡᠢ ᠭᠡᠷ ᠪᠥᠯᠢ ᠳᠤ ᠬᠥᠳᠡᠯᠥᠩᠭᠦᠢ ᠪᠠᠷ ᠠᠵᠢᠯ ᠣᠯᠭᠤᠬᠤ ᠶᠢ | ᠪᠠᠷᠢᠮᠳᠠᠯᠠᠨ᠎ᠠ᠃ ᠬᠤᠳᠠ ᠪᠠᠯᠭᠠᠰᠤᠨ ᠤ 1500 ᠬᠥᠮᠥᠨ ᠳᠤ ᠰᠢᠨ᠎ᠡ ᠪᠠᠷ ᠠᠵᠢᠯ ᠣᠯᠭᠤᠵᠣ᠂ ᠮᠠᠯᠵᠢᠬᠤ | ᠲᠠᠷᠢᠶᠠᠯᠠᠬᠤ ᠣᠷᠣᠨ ᠤ 1600 ᠬᠥᠮᠥᠨ ᠢ ᠰᠢᠯᠵᠢᠭᠦᠯᠥᠨ ᠠᠵᠢᠯ ᠣᠯᠭᠤᠵᠣ᠂ ᠬᠤᠳᠠ ᠪᠠᠯᠭᠠᠰᠤᠨ ᠤ | ᠳᠠᠩᠰᠠᠯᠠᠭᠳᠠᠭᠰᠠᠨ ᠠᠵᠢᠯ ᠠᠯᠳᠠᠬᠤ ᠨᠤᠷᠮ᠎ᠠ ᠶᠢ 3.9 % ᠲᠤᠳᠤᠷ᠎ᠠ ᠬᠢᠵᠠᠭᠠᠷᠯᠠᠨ᠎ᠠ᠃ ᠨᠡᠶᠢᠬᠡᠮ ᠤᠨ | ᠪᠠᠳᠤᠯᠠᠭᠠᠨ ᠤ ᠰᠢᠰᠲ᠋ᠧᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠵᠣ᠂ ᠨᠡᠶᠢᠬᠡᠮ ᠤᠨ ᠪᠠᠳᠤᠯᠠᠭᠠᠨ ᠤ ᠲᠠᠪᠣᠨ | ᠳᠠᠭᠠᠳᠬᠠᠯ ᠢ ᠨᠢᠭᠡᠳᠬᠡᠬᠦ ᠬᠠᠮᠢᠶᠠᠷᠣᠯᠳᠠ ᠶᠢᠨ ᠬᠡᠯᠪᠡᠷᠢ ᠶᠢ ᠬᠡᠷᠡᠭᠵᠢᠬᠦᠯᠵᠤ᠂ ᠬᠤᠳᠠ ᠪᠠᠯᠭᠠᠰᠤᠨ ᠤ ᠰᠠᠭᠤᠭᠠᠯᠢ | ᠠᠷᠠᠳ ᠤᠨ ᠡᠮᠨᠡᠯᠭᠡ ᠶᠢᠨ ᠳᠠᠭᠠᠳᠬᠠᠯ ᠪᠠ ᠰᠢᠨ᠎ᠡ ᠬᠡᠯᠪᠡᠷᠢ ᠶᠢᠨ ᠮᠠᠯᠵᠢᠬᠤ ᠲᠠᠷᠢᠶᠠᠯᠠᠬᠤ ᠣᠷᠣᠨ ᠤ ᠬᠤᠷᠰᠢᠭᠰᠠᠨ | ᠡᠮᠨᠡᠯᠭᠡ ᠶᠢᠨ ᠵᠠᠰᠠᠭ ᠤᠨ ᠣᠷᠳᠣᠨ ᠤ ᠨᠥᠬᠦᠪᠥᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠵᠣ᠂ ᠬᠤᠳᠠ ᠪᠠᠯᠭᠠᠰᠤᠨ ᠤ | ᠰᠠᠭᠤᠭᠠᠯᠢ ᠠᠷᠠᠳ ᠤᠨ ᠬᠥᠨᠳᠥ ᠡᠪᠡᠳᠴᠢᠨ ᠤ ᠡᠮᠨᠡᠯᠭᠡ ᠶᠢᠨ ᠳᠠᠭᠠᠳᠬᠠᠯ ᠢ ᠬᠡᠷᠡᠭᠵᠢᠭᠦᠯᠵᠣ᠂ ᠡᠮᠨᠡᠯᠭᠡ ᠶᠢᠨ | ᠳᠠᠭᠠᠳᠬᠠᠯ ᠤᠨ ᠤᠨᠳᠤᠤ ᠭᠠᠵᠠᠷ ᠡᠪᠡᠳᠴᠢᠨ ᠢᠶᠠᠨ ᠥᠵᠡᠭᠦᠯᠬᠦ ᠳᠤ ᠴᠠᠭ ᠲᠣᠬᠠᠢ ᠳᠤ ᠨᠢ ᠳ᠋ᠦᠩᠨᠡᠨ ᠪᠣᠳᠣᠬᠤ ᠶᠢ | ᠠᠬᠢᠭᠤᠯᠣᠨ᠎ᠠ᠃ ᠠᠵᠣ ᠠᠬᠤᠶᠢᠯᠠᠯ ᠤᠨ ᠠᠵᠢᠯ ᠠᠴᠠ ᠠᠮᠠᠷᠠᠭᠰᠠᠳ ᠪᠠ ᠬᠤᠳᠠ ᠬᠥᠳᠡᠭᠡᠨ ᠤ ᠰᠠᠭᠤᠭᠠᠯᠢ ᠠᠷᠠᠳ | ᠤᠨ ᠥᠨᠳᠣᠰᠣᠨ ᠨᠠᠰᠣᠵᠢᠯ ᠤᠨ ᠮᠥᠩᠬᠦ ᠶᠢ ᠲᠥᠷᠥ ᠶᠢᠨ ᠪᠣᠳᠣᠯᠭ᠎ᠠ ᠶᠢᠨ ᠶᠣᠰᠣᠭᠠᠷ ᠲᠣᠬᠢᠷᠠᠭᠤᠯᠵᠣ᠂ ᠬᠤᠳᠠ | ᠬᠥᠳᠡᠭᠡᠨ ᠤ ᠰᠠᠭᠤᠭᠠᠯᠢ ᠠᠷᠠᠳ ᠤᠨ ᠳᠣᠣᠷ᠎ᠠ ᠪᠠᠳᠤᠯᠠᠭᠠᠨ ᠤ ᠪᠠᠷᠢᠮᠵᠢᠶ᠎ᠠ ᠶᠢ ᠳᠡᠭᠡᠭᠰᠢᠯᠡᠭᠦᠯᠥᠨ᠎ᠡ᠃ ᠬᠤᠳᠠ | ᠬᠥᠳᠡᠭᠡᠨ ᠤ ᠤᠨᠴᠠᠭᠠᠢ ᠬᠥᠴᠢᠷᠳᠡᠯ ᠲᠠᠢ ᠬᠥᠮᠥᠰ ᠢ ᠪᠠᠴᠢᠮ ᠪᠠᠶᠢᠳᠠᠯ ᠠᠴᠠ ᠠᠪᠤᠷᠠᠵᠤ ᠬᠠᠪᠰᠣᠷᠣᠨ ᠳᠡᠳᠬᠦᠬᠦ | ᠲᠥᠷᠢᠮ ᠢ ᠲᠡᠭᠦᠯᠳᠡᠷᠵᠢᠭᠦᠯᠵᠥ᠂ ᠬᠥᠴᠢᠷᠳᠡᠯ ᠲᠠᠢ ᠣᠯᠠᠨ ᠲᠥᠮᠡᠨ ᠴᠠᠭ ᠲᠣᠬᠠᠢ ᠳᠤ ᠨᠢ ᠳᠡᠮᠵᠢᠯᠭᠡ ᠣᠯᠬᠤ ᠶᠢ | ᠪᠠᠳᠣᠯᠠᠨ᠎ᠠ᠃ ᠤᠯᠠᠨ ᠲᠦᠮᠡᠨ ᠤ ᠠᠮᠤᠭᠤᠯᠠᠩ ᠤᠷᠤᠨ ᠰᠠᠭᠤᠴᠠ ᠶᠢᠨ ᠢᠨᠵᠧᠨᠧᠷᠢᠩ ᠢ ᠲᠥᠯᠬᠢᠨ ᠠᠬᠢᠭᠤᠯᠵᠣ᠂ | 680 ᠢᠵᠢ ᠨᠡᠶᠢᠳᠡ ᠶᠢᠨ ᠲᠥᠷᠢᠶᠡᠰᠥᠨ ᠭᠡᠷ ᠢ ᠰᠢᠨ᠎ᠠ ᠪᠠᠷ ᠪᠣᠶᠣ ᠥᠷᠭᠦᠯᠵᠢᠯᠡᠨ ᠪᠠᠶᠢᠭᠤᠯᠣᠨ᠎ᠠ᠃ ᠵᠡᠮᠳᠡᠭᠴᠣᠣᠯ | ᠤᠨ ᠨᠤᠷᠠᠬᠤ ᠠᠶᠣᠯᠲᠠᠢ ᠭᠡᠷ ᠪᠠᠶᠢᠰᠢᠩ ᠵᠢᠴᠢ ᠰᠠᠭᠠᠳ ᠦᠬᠡᠢ ᠲᠥᠬᠦᠭᠡᠷᠥᠮᠵᠢ ᠶᠢᠨ ᠥᠭᠡᠷᠡᠴᠢᠯᠡᠯᠳᠡ ᠶᠢ | ᠥᠷᠭᠦᠯᠵᠢᠯᠡᠨ ᠬᠡᠷᠡᠭᠵᠢᠭᠦᠯᠵᠥ᠂ ᠨᠡᠶᠢᠬᠡᠮ ᠤᠨ ᠬᠥᠴᠥᠨ ᠠᠴᠠ ᠨᠠᠰᠣᠳᠠᠶᠢᠴᠣᠣᠯ ᠢ ᠠᠰᠠᠷᠠᠬᠤ ᠬᠥᠷᠢᠶᠡᠯᠡᠩ | ᠪᠠᠶᠢᠭᠤᠯᠬᠤ ᠶᠢ ᠵᠣᠷᠢᠭᠵᠢᠭᠤᠯᠣᠨ᠂ ᠨᠠᠰᠣᠳᠠᠶᠢᠴᠣᠣᠯ ᠢ ᠡᠳᠣᠷ ᠢᠶᠠᠷ ᠬᠠᠷᠭᠠᠯᠵᠠᠬᠤ 5 ᠲᠥᠪ ᠢ ᠰᠢᠨ᠎ᠡ ᠪᠠᠷ ᠪᠣᠶᠣ | ᠦᠬᠡᠷᠡᠴᠢᠯᠡᠵᠤ ᠦᠷᠬᠡᠳᠬᠡᠨ᠎ᠡ᠃ ᠠᠮᠢ ᠠᠬᠤᠢ ᠬᠡᠪᠡᠷᠡᠭ ᠣᠷᠣᠨ ᠤ ᠠᠷᠠᠳ ᠢ ᠨᠡᠭᠦᠯᠭᠡᠨ ᠲᠥᠪᠬᠢᠨᠡᠭᠦᠯᠬᠦ | ᠢᠨᠵᠧᠨᠧᠷᠢᠩ ᠢ ᠥᠷᠭᠦᠯᠵᠢᠯᠡᠨ ᠬᠡᠷᠡᠭᠵᠢᠭᠦᠯᠵᠥ᠂ ᠵᠢᠯ ᠤᠨ ᠳᠣᠳᠣᠷ᠎ᠠ 1600 ᠬᠥᠮᠥᠨ ᠢ ᠨᠡᠬᠦᠯᠬᠡᠨ᠎ᠡ᠃ ᠶᠠᠳᠠᠭᠤ | ᠶᠢ ᠳᠡᠳᠭᠦᠬᠦ ᠬᠥᠴᠢᠷ ᠰᠡᠳᠣᠪ ᠢ ᠰᠢᠢᠳᠪᠣᠷᠢᠯᠡᠬᠦ ᠬᠥᠴᠥᠯᠡᠴᠡ ᠪᠠᠨ ᠶᠡᠬᠡᠰᠬᠡᠵᠣ᠂ ︽ ᠭᠤᠷᠪᠠ ᠶᠢ ᠬᠦᠳᠡᠭᠡ | ᠲᠣᠰᠬᠤᠨ ᠪᠠ ᠡᠷᠤᠭᠡ ᠳᠤ ᠬᠥᠷᠭᠡᠬᠦ ︾᠂ ᠮᠥᠩᠭᠦᠨ ᠭᠥᠢᠯᠭᠡᠭᠡ ᠪᠠᠷ ᠶᠠᠳᠠᠭᠤ ᠶᠢ ᠳᠡᠳᠬᠦᠨ ᠠᠷᠠᠳ ᠢᠶᠠᠨ | ᠪᠠᠶᠠᠵᠢᠭᠤᠯᠬᠤ ᠵᠡᠷᠭᠡ ᠨᠠᠷᠢᠯᠢᠭ ᠣᠨᠣᠪᠴᠢᠲᠠᠢ ᠪᠠᠷ ᠶᠠᠳᠠᠭᠤ ᠶᠢ ᠳᠡᠳᠬᠦᠬᠦ ᠢᠨᠵᠧᠨᠧᠷᠢᠩ ᠢ ᠪᠥᠬᠦ ᠬᠥᠴᠥ ᠪᠠᠷ | ᠲᠥᠯᠬᠢᠨ ᠠᠬᠢᠭᠤᠯᠵᠣ᠂ ᠬᠡᠷᠡᠯ ᠴᠠᠭᠢᠯᠭᠠᠨ ᠢᠶᠠᠷ ᠶᠠᠳᠠᠭᠤ ᠶᠢ ᠳᠡᠳᠬᠦᠬᠦ ᠢᠨᠵᠧᠨᠧᠷᠢᠭ ᠪᠠ ᠬᠦᠳᠡᠭᠡ ᠲᠤᠰᠬᠤᠨ ᠤ | ᠵᠢᠭᠤᠯᠴᠢᠯᠠᠯ ᠢᠶᠠᠷ ᠠᠷᠠᠳ ᠢᠶᠠᠨ ᠪᠠᠶᠠᠵᠢᠭᠤᠯᠬᠤ ᠢᠨᠵᠧᠨᠧᠷᠢᠭ ᠤᠨ ᠲᠥᠯᠥᠪᠵᠢᠭᠦᠯᠭᠡ ᠨᠠᠶᠢᠷᠠᠭᠤᠯᠬᠤ ᠠᠵᠢᠯ ᠢ | ᠢᠳᠡᠪᠬᠢᠲᠠᠢ ᠥᠷᠨᠢᠭᠦᠯᠵᠥ᠂ ᠠᠵᠣ ᠣᠶᠢᠯᠡᠰ ᠢᠶᠠᠷ ᠶᠠᠳᠠᠭᠤ ᠶᠢ ᠳᠡᠳᠭᠦᠬᠦ ᠬᠥᠴᠥᠯᠡᠴᠡ ᠪᠠᠨ ᠶᠡᠬᠡᠰᠭᠡᠨ᠂ | ᠺᠠᠳ᠋ᠷᠴᠣᠣᠨ ᠭᠠᠴᠠᠭ᠎ᠠ ᠲᠣᠰᠬᠤᠨ ᠳᠤ ᠰᠠᠭᠤᠵᠤ ᠬᠠᠪᠰᠣᠷᠣᠨ ᠳᠡᠳᠬᠦᠬᠦ ᠠᠵᠢᠯ ᠢ ᠴᠢᠩᠭᠠᠳᠬᠠᠵᠣ᠂ ᠪᠥᠬᠦ | ᠨᠡᠶᠢᠬᠡᠮ ᠤᠨ ᠬᠥᠴᠥᠨ ᠴᠢᠳᠠᠯ ᠢ ᠳᠠᠶᠢᠴᠢᠯᠠᠵᠣ ᠶᠠᠳᠠᠭᠤ ᠶᠢ ᠳᠡᠳᠬᠦᠨ ᠨᠡᠬᠡᠬᠡᠨ ᠬᠦᠭᠵᠢᠬᠦᠯᠬᠦ ᠳᠤ ᠣᠷᠣᠯᠴᠠᠭᠤᠯᠵᠣ᠂ | 4500 ᠬᠦᠮᠦᠨ ᠶᠠᠳᠠᠭᠤ ᠠᠴᠠ ᠳᠤᠭᠳᠠᠭᠤᠨ ᠢᠶᠠᠷ ᠠᠩᠬᠢᠵᠢᠷᠠᠬᠤ ᠶᠢ ᠪᠡᠶᠡᠯᠡᠬᠦᠯᠦᠨ᠎ᠡ᠃ ︽ᠠᠷᠪᠠ ᠶᠢ ᠨᠡᠶᠢᠳᠡᠮ | ᠬᠠᠮᠥᠷᠬᠤ︾ ᠢᠨᠵᠧᠨᠧᠷᠢᠩ ᠪᠣᠯ ᠪᠥᠬᠦ ᠣᠷᠣᠨ ᠤ ᠬᠠᠮᠤᠭ ᠤᠨ ᠶᠡᠭᠡ ᠠᠷᠠᠳ ᠤᠨ ᠠᠮᠢᠳᠣᠷᠠᠯ ᠤᠨ ᠢᠨᠵᠧᠨᠧᠷᠢᠩ | ᠮᠦᠨ᠃ ᠪᠢᠳᠠ ᠡᠯ᠎ᠡ ᠲᠥᠷᠥᠯ ᠤᠨ ᠬᠥᠴᠥᠨ ᠴᠢᠳᠠᠯ ᠢ ᠨᠢᠭᠡᠳᠤᠯᠳᠠᠢ ᠲᠦᠯᠤᠪᠵᠢᠭᠦᠯᠵᠣ᠂ ᠣᠯᠠᠨ ᠲᠠᠯ᠎ᠠ ᠠᠴᠠ 2 | ᠳ᠋ᠥᠩᠰᠢᠭᠤᠷ ᠲᠥᠭᠦᠷᠢᠭ ᠤᠨ ᠪᠡᠯᠡ ᠮᠥᠩᠭᠦ ᠶᠢ ᠬᠤᠷᠠᠮᠳᠣᠭᠤᠯᠵᠣ ᠰᠠᠭᠤᠷᠢ ᠳᠦᠬᠦᠬᠡᠷᠦᠮᠵᠢ ᠶᠢᠨ ᠪᠠᠶᠢᠭᠤᠯᠣᠯᠳᠠ ᠶᠢ | ᠮᠠᠯᠵᠢᠬᠤ ᠲᠠᠷᠢᠶᠠᠯᠠᠬᠤ ᠣᠷᠣᠨ ᠳᠤ ᠬᠦᠷᠬᠡᠬᠦ᠂ ᠨᠡᠶᠢᠳᠡ ᠶᠢᠨ ᠣᠶᠢᠯᠡᠴᠢᠯᠡᠭᠡ ᠶᠢ ᠮᠠᠯᠵᠢᠬᠤ ᠲᠠᠷᠢᠶᠠᠯᠠᠬᠤ ᠣᠷᠣᠨ ᠳᠤ | ᠦᠷᠬᠡᠳᠬᠡᠬᠦ᠂ ᠬᠤᠳᠠ ᠶᠢᠨ ᠪᠣᠯᠪᠠᠰᠣᠨ ᠢ ᠮᠠᠯᠵᠢᠬᠤ ᠲᠠᠷᠢᠶᠠᠯᠠᠬᠤ ᠣᠷᠣᠨ ᠳᠤ ᠬᠠᠮᠤᠷᠠᠭᠤᠯᠬᠤ ᠶᠢ ᠲᠥᠯᠬᠢᠨ | ᠠᠬᠢᠭᠤᠯᠵᠣ᠂ ᠤᠳᠤᠨᠬᠡᠷᠡᠯ᠂ ᠲᠦᠷᠭᠡᠨ᠂ ᠴᠢᠭ ᠵᠠᠭ᠂ ᠠᠭᠤᠳᠠᠮ ᠲᠠᠯ᠎ᠠ᠂ ᠰᠢᠨ᠎ᠡ ᠲᠣᠬᠤᠢ ᠵᠡᠷᠭᠡ ᠨᠢᠭᠡ ᠪᠥᠯᠥᠭ | ᠦᠯᠢᠬᠡᠷ ᠳᠠᠭᠤᠷᠢᠶᠠᠯ ᠤᠨ ᠢᠨᠵᠧᠨᠧᠷᠢᠩ ᠢ ᠬᠥᠴᠥᠯᠡᠨ ᠪᠠᠶᠢᠭᠤᠯᠣᠨ᠎ᠠ᠃ | ᠠᠷᠭ᠎ᠠ ᠪᠦᠬᠦᠨ ᠢ ᠰᠦᠪᠡᠭᠴᠢᠯᠡᠨ ᠬᠤᠳᠠ ᠬᠦᠳᠡᠬᠡᠨ ᠤ ᠰᠠᠭᠤᠭᠠᠯᠢ ᠠᠷᠠᠳ ᠤᠨ ᠤᠷᠤᠯᠭ᠎ᠠ ᠶᠢ ᠨᠡᠮᠡᠭᠳᠡᠬᠦᠯᠦᠨ᠎ᠡ᠃ | ᠠᠳᠠᠯ ᠦᠢᠯᠡᠰ ᠪᠤᠰᠬᠠᠵᠤ ᠠᠵᠢᠯ ᠤᠯᠭᠤᠬᠤ ᠳᠠᠪᠴᠠᠩ ᠢ ᠪᠠᠶᠢᠭᠤᠯᠤᠨ ᠬᠤᠳᠠ ᠬᠦᠳᠡᠬᠡᠨ ᠤ ᠰᠠᠭᠤᠭᠠᠤᠯᠢ ᠠᠷᠠᠳ | ᠬᠤᠶᠠᠷ ᠭᠤᠷᠪᠠᠳᠤᠭᠠᠷ ᠠᠵᠤ ᠦᠢᠯᠡᠰ ᠤᠨ ᠦᠢᠯᠡᠳᠪᠦᠷᠢᠯᠡᠯ ᠡᠷᠬᠢᠯᠡᠬᠦ ᠶᠢ ᠵᠤᠷᠢᠭᠵᠢᠭᠤᠯᠤᠨ᠂ ᠠᠳᠠᠯ ᠦᠢᠯᠡᠰ | ᠪᠤᠰᠬᠠᠬᠤ ᠪᠠᠷ ᠠᠵᠢᠯ ᠤᠯᠭᠤᠯᠳᠠ ᠶᠢ ᠳᠠᠶᠢᠴᠢᠯᠠᠬᠤ ᠶᠢ ᠠᠬᠢᠭᠤᠯᠵᠤ᠂ ᠰᠠᠭᠤᠭᠠᠯᠢ ᠠᠷᠠᠳ ᠤᠨ ᠡᠵᠡᠩᠨᠡᠯᠳᠡ ᠶᠢᠨ | ᠴᠢᠨᠠᠷᠳᠠᠢ ᠤᠷᠤᠯᠭ᠎ᠠ ᠶᠢ ᠬᠦᠴᠦᠯᠡᠨ ᠨᠡᠮᠡᠭᠳᠡᠬᠦᠯᠦᠨ᠎ᠡ᠃ ᠢᠳᠡᠪᠬᠢᠳᠡᠢ ᠠᠵᠢᠯ ᠤᠯᠭᠤᠬᠤ ᠳᠦᠷᠦ ᠶᠢᠨ ᠪᠤᠳᠤᠯᠭ᠎ᠠ ᠶᠢ | ᠨᠠᠶᠢᠳᠠᠪᠤᠷᠢᠵᠢᠭᠤᠯᠵᠤ᠂ ᠰᠠᠭᠤᠭᠠᠯᠢ ᠠᠷᠠᠳ ᠤᠨ ᠴᠠᠯᠢᠩ ᠤᠨ ᠴᠢᠨᠠᠷᠳᠠᠢ ᠤᠷᠤᠯᠭ᠎ᠠ ᠶᠢ ᠳᠠᠰᠤᠷᠠᠯᠳᠠ ᠦᠬᠡᠢ | ᠨᠡᠮᠡᠭᠳᠡᠬᠦᠯᠦᠨ᠎ᠡ᠃ ᠠᠵᠤ ᠠᠬᠤᠶᠢᠯᠠᠯ ᠤᠨ ᠴᠠᠯᠢᠩ ᠢ ᠨᠡᠶᠢᠳᠡ ᠪᠠᠷ ᠢᠶᠠᠨ ᠵᠦᠪᠳᠡᠯᠴᠡᠬᠦ ᠳᠦᠷᠢᠮ ᠢ ᠬᠦᠨᠵᠡᠬᠡᠢ | ᠠᠬᠢᠭᠤᠯᠵᠤ᠂ ᠠᠵᠤ ᠠᠬᠤᠶᠢᠯᠠᠯ ᠢ ᠵᠢᠯᠤᠭᠤᠳᠤᠨ ᠵᠦᠢ ᠵᠤᠬᠢᠰᠳᠠᠢ ᠴᠠᠯᠢᠩ ᠨᠡᠮᠡᠭᠳᠡᠬᠦᠯᠬᠦ ᠳᠤᠭᠳᠠᠯᠴᠠᠭ᠎ᠠ ᠶᠢ ᠪᠤᠢ | ᠪᠤᠯᠭᠠᠨ᠎ᠠ᠃ ᠬᠦᠳᠡᠯᠮᠦᠷᠢ ᠶᠢᠨ ᠬᠢᠨᠠᠨ ᠪᠠᠶᠢᠴᠠᠭᠠᠯᠳᠠ ᠶᠢ ᠴᠢᠩᠭᠠᠳᠬᠠᠨ᠂ ᠠᠵᠤ ᠠᠬᠤᠶᠢᠯᠠᠯ ᠤᠨ ᠴᠠᠯᠢᠩ ᠤᠯᠭᠤᠬᠤ | ᠠᠵᠢᠯᠯᠠᠭ᠎ᠠ ᠶᠢ ᠳᠦᠷᠢᠮᠵᠢᠬᠦᠯᠵᠤ᠂ ᠬᠦᠳᠡᠯᠮᠦᠷᠢᠴᠢᠳ ᠤᠨ ᠵᠦᠢ ᠶᠤᠰᠤᠨ ᠤ ᠡᠷᠬᠡ ᠠᠰᠢᠭ ᠢ ᠪᠠᠳᠤᠯᠠᠨ᠎ᠠ᠃ | ᠨᠡᠶᠢᠳᠡ ᠶᠢᠨ ᠠᠰᠢᠭᠳᠤ ᠠᠵᠢᠯ ᠤᠨ ᠪᠠᠶᠢᠷᠢ᠂ ᠪᠡᠯᠡᠳᠬᠡᠯ ᠠᠵᠢᠯᠳᠠᠨ ᠵᠡᠷᠬᠡ ᠬᠦᠮᠦᠰ ᠤᠨ ᠠᠮᠢᠳᠤᠷᠠᠯ ᠤᠨ | ᠨᠦᠬᠦᠪᠦᠷᠢ ᠶᠢ ᠨᠡᠮᠡᠭᠳᠡᠬᠦᠯᠦᠨ᠎ᠡ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠨᠠᠰᠤᠵᠢᠯ ᠤᠨ | ᠳᠠᠭᠠᠳᠬᠠᠯ ᠤᠨ ᠳᠦᠷᠢᠮ ᠤᠨ ᠦᠬᠡᠷᠡᠴᠢᠯᠡᠯᠳᠡ ᠶᠢ ᠬᠡᠷᠡᠭᠵᠢᠬᠦᠯᠵᠤ᠂ ᠠᠯᠪᠠᠳᠠᠨ ᠤ ᠳᠤᠰᠢᠶᠠᠯ ᠪᠠ ᠳᠤᠰᠢᠶᠠᠯ ᠤᠨ | ᠳᠡᠰ ᠢ ᠵᠡᠷᠬᠡᠪᠡᠷ ᠶᠠᠪᠤᠭᠳᠠᠭᠤᠯᠬᠤ ᠳᠦᠷᠢᠮ ᠢ ᠨᠠᠶᠢᠳᠠᠪᠤᠷᠢᠵᠢᠭᠤᠯᠵᠤ᠂ ᠠᠵᠢᠯ ᠦᠢᠯᠡᠰ ᠤᠨ ᠨᠢᠬᠡᠴᠡ ᠶᠢᠨ | ᠠᠵᠢᠯ ᠤᠨ ᠦᠷ᠎ᠡ ᠪᠦᠳᠦᠮᠵᠢ ᠶᠢᠨ ᠴᠠᠯᠢᠩ ᠤᠨ ᠳᠦᠷᠢᠮ ᠢ ᠳᠦᠷᠢᠮᠵᠢᠬᠦᠯᠦᠨ᠎ᠡ᠃ ᠳᠠᠷᠢᠶᠠᠯᠠᠩ ᠮᠠᠯ ᠠᠵᠤ | ᠠᠬᠤᠢ ᠶᠢᠨ ᠪᠦᠳᠦᠴᠡ ᠶᠢᠨ ᠳᠤᠬᠢᠷᠠᠭᠤᠯᠤᠯᠳᠠ ᠶᠢ ᠳᠦᠷᠬᠡᠳᠬᠡᠨ᠂ ᠦᠨᠳᠦᠷ ᠪᠦᠳᠦᠮᠵᠢᠳᠤ ᠮᠠᠯᠵᠢᠯ ᠳᠠᠷᠢᠶᠠᠯᠠᠩ ᠢ | ᠶᠡᠭᠡ ᠬᠦᠴᠦ ᠪᠠᠷ ᠬᠦᠭᠵᠢᠬᠦᠯᠵᠤ᠂ ᠦᠢᠯᠡᠳᠪᠦᠷᠢᠯᠡᠯ ᠤᠨ ᠴᠢᠨᠠᠷᠳᠠᠢ ᠤᠷᠤᠯᠭ᠎ᠠ ᠶᠢ ᠨᠡᠮᠡᠭᠳᠡᠬᠦᠯᠦᠨ᠎ᠡ᠃ ᠳᠠᠷᠢᠶᠠᠯᠠᠩ | ᠮᠠᠯ ᠠᠵᠤ ᠠᠬᠤᠢ ᠶᠢᠨ ᠠᠵᠤ ᠦᠢᠯᠡᠰᠵᠢᠯᠳᠡ ᠶᠢᠨ ᠳᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠳᠠᠷᠢᠶᠠᠴᠢᠨ ᠤ | ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠶᠢᠨ ᠬᠦᠭᠵᠢᠯᠳᠡ ᠶᠢ ᠪᠤᠯᠪᠠᠰᠤᠷᠠᠭᠤᠯᠬᠤ ᠪᠠ ᠳᠡᠮᠵᠢᠵᠤ᠂ | ᠳᠤᠯᠤᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠳᠠᠷᠢᠶᠠᠴᠢᠨ ᠤ ᠠᠰᠢᠭ ᠳᠤᠰᠠ ᠶᠢ ᠬᠤᠯᠪᠤᠬᠤ ᠳᠤᠭᠳᠠᠯᠴᠠᠭ᠎ᠠ ᠶᠢ | ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠳᠠᠶᠢᠴᠢᠯᠠᠬᠤ ᠬᠦᠴᠦᠨ ᠪᠠ ᠨᠦᠯᠦᠬᠡᠯᠡᠬᠦ ᠬᠦᠴᠦᠨ ᠢ | ᠴᠢᠩᠭᠠᠷᠠᠭᠤᠯᠤᠨ᠎ᠠ᠃ ᠮᠠᠯᠵᠢᠬᠤ ᠳᠠᠷᠢᠶᠠᠯᠠᠬᠤ ᠤᠷᠤᠨ ᠤ ᠬᠤᠶᠠᠷ᠂ ᠭᠤᠷᠪᠠᠳᠤᠭᠠᠷ ᠠᠵᠤ ᠦᠢᠯᠡᠰ ᠢ ᠢᠳᠡᠪᠬᠢᠳᠡᠢ | ᠬᠦᠭᠵᠢᠬᠦᠯᠵᠤ᠂ ᠮᠠᠯᠴᠢᠨ ᠳᠠᠷᠢᠶᠠᠴᠢᠳ ᠳᠤᠬᠠᠢ ᠶᠢᠨ ᠭᠠᠵᠠᠷ ᠲᠠᠭᠠᠨ ᠠᠵᠤ ᠦᠢᠯᠡᠰ ᠢᠶᠠᠨ ᠬᠤᠪᠢᠷᠠᠭᠤᠯᠵᠤ | ᠤᠷᠤᠯᠭ᠎ᠠ ᠪᠠᠨ ᠨᠡᠮᠡᠭᠳᠡᠬᠦᠯᠬᠦ ᠶᠢ ᠠᠬᠢᠭᠤᠯᠤᠨ᠎ᠠ᠃ ᠳᠠᠷᠬᠠᠢ ᠰᠠᠭᠤᠷᠢᠰᠢᠭ᠎ᠠ ᠮᠠᠯᠴᠢᠳ ᠢ ᠬᠦᠳᠦᠯᠦᠨ ᠵᠢᠯᠤᠭᠤᠳᠴᠤ | ᠬᠤᠳᠠ ᠪᠠᠯᠭᠠᠰᠤᠨ ᠳᠤ ᠰᠢᠯᠵᠢᠬᠦᠯᠦᠨ᠂ ᠮᠠᠯᠵᠢᠬᠤ ᠳᠠᠷᠢᠶᠠᠯᠠᠬᠤ ᠤᠷᠤᠨ ᠤ ᠬᠦᠳᠡᠯᠮᠦᠷᠢ ᠬᠦᠴᠦ ᠶᠢ ᠰᠢᠯᠵᠢᠬᠦᠯᠬᠦ | ᠳᠤᠰᠬᠠᠢ ᠮᠡᠷᠬᠡᠵᠢᠯ ᠤᠨ ᠪᠤᠯᠪᠠᠰᠤᠷᠠᠯ᠂ ᠰᠤᠶᠤᠯ ᠤᠨ ᠪᠤᠯᠪᠠᠰᠤᠷᠠᠯ ᠢ ᠦᠷᠨᠢᠬᠦᠯᠵᠤ᠂ ᠠᠵᠢᠯ ᠤᠯᠭᠤᠯᠳᠠ ᠳᠤ | ᠵᠤᠬᠢᠴᠠᠬᠤ ᠴᠢᠳᠠᠪᠤᠷᠢ ᠶᠢ ᠳᠡᠬᠡᠭᠰᠢᠯᠡᠬᠦᠯᠵᠤ᠂ ᠬᠤᠳᠠ ᠤᠷᠤᠭᠰᠠᠨ ᠮᠠᠯᠴᠢᠨ ᠳᠠᠷᠢᠶᠠᠴᠢᠨ ᠤ ᠬᠦᠳᠡᠯᠮᠦᠷᠢ | ᠦᠢᠯᠡᠴᠢᠯᠡᠬᠡᠨ ᠤ ᠤᠷᠤᠯᠭ᠎ᠠ ᠶᠢ ᠨᠡᠮᠡᠭᠳᠡᠬᠦᠯᠦᠨ᠎ᠡ᠃ ᠮᠠᠯᠵᠢᠬᠤ ᠳᠠᠷᠢᠶᠠᠯᠠᠬᠤ ᠤᠷᠤᠨ ᠤ ᠬᠦᠳᠡᠯᠮᠦᠷᠢ | ᠬᠦᠴᠦᠨ ᠢ ᠡᠮᠬᠢ ᠴᠡᠭᠴᠡ ᠲᠠᠢ ᠵᠤᠬᠢᠶᠠᠨ ᠪᠠᠶᠢᠭᠤᠯᠵᠤ᠂ ᠠᠵᠢᠯ ᠬᠦᠳᠡᠯᠮᠦᠷᠢ ᠳᠤ ᠤᠷᠤᠯᠴᠠᠭᠤᠯᠤᠨ᠂ ᠮᠠᠯᠵᠢᠬᠤ | ᠳᠠᠷᠢᠶᠠᠯᠠᠬᠤ ᠤᠷᠤᠨ ᠤ ︽ᠤᠴᠢᠷ ᠨᠢᠬᠡᠪᠦᠷᠢ ᠶᠢ ᠳᠤᠰᠬᠠᠢ ᠵᠦᠪᠳᠡᠬᠦ︾ ᠡᠳ᠋ ᠤᠨ ᠵᠠᠰᠠᠭ ᠤᠨ ᠱᠠᠩᠨᠠᠨ | ᠨᠦᠬᠦᠪᠦᠷᠢᠯᠡᠬᠦ᠂ ᠵᠡᠬᠡᠯᠢ ᠭᠤᠳᠤᠮᠵᠢ ᠶᠢᠨ ᠬᠠᠳᠠᠭᠤᠷᠠᠭᠤᠯᠤᠯᠳᠠ᠂ ᠨᠤᠷᠠᠬᠤ ᠠᠶᠤᠯᠳᠠᠢ ᠬᠡᠷ ᠤᠨ ᠵᠠᠰᠠᠯᠳᠠ ᠵᠡᠷᠬᠡ | ᠳᠠᠷᠢᠶᠠᠯᠠᠩ ᠳᠤ ᠬᠤᠯᠪᠤᠭᠳᠠᠬᠤ ᠢᠨᠵᠧᠨᠧᠷᠢᠩ ᠤᠨ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤ | ᠤᠷᠤᠯᠴᠠᠭᠤᠯᠤᠨ᠂ ᠬᠦᠳᠡᠯᠮᠦᠷᠢ ᠬᠦᠴᠦᠨ ᠤ ᠤᠯᠭᠤᠮᠵᠢ ᠵᠢᠨᠤᠷᠤᠯᠭᠠ ᠶᠢ ᠦᠨᠡᠨᠬᠦ ᠨᠡᠮᠡᠭᠳᠡᠬᠦᠯᠦᠨ᠎ᠡ᠃ ᠤᠯᠤᠰ᠂ | ᠦᠪᠡᠷᠳᠡᠬᠡᠨ ᠵᠠᠰᠠᠬᠤ ᠤᠷᠤᠨ ᠤ ᠰᠢᠨ᠎ᠡ ᠨᠢᠬᠡᠨ ᠡᠬᠡᠯᠵᠢ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠱᠠᠩᠨᠠᠨ | ᠨᠦᠬᠦᠪᠦᠷᠢᠯᠡᠬᠦ ᠳᠦᠷᠦ ᠶᠢᠨ ᠪᠤᠳᠤᠯᠭ᠎ᠠ ᠶᠢ ᠢᠳᠡᠪᠬᠢᠳᠡᠢ ᠴᠢᠷᠮᠠᠶᠢᠨ ᠤᠯᠬᠤ ᠶᠢᠨ ᠬᠠᠮᠳᠤ ᠪᠠᠷᠢᠮᠵᠢᠶ᠎ᠠ ᠪᠠᠨ ᠵᠦᠢ | ᠵᠤᠬᠢᠰᠳᠠᠢ ᠳᠡᠬᠡᠭᠰᠢᠯᠡᠬᠦᠯᠵᠤ᠂ ᠮᠠᠯᠴᠢᠨ ᠳᠠᠷᠢᠶᠠᠴᠢᠨ ᠤ ᠳᠦᠷᠦ ᠶᠢᠨ ᠪᠤᠳᠤᠯᠭ᠎ᠠ ᠶᠢᠨ ᠴᠢᠨᠠᠷᠳᠠᠢ ᠤᠷᠤᠯᠭ᠎ᠠ ᠶᠢ | ᠨᠡᠮᠡᠭᠳᠡᠬᠦᠯᠦᠨ᠎ᠡ᠃ | ᠨᠡᠶᠢᠬᠡᠮ ᠤᠨ ᠠᠵᠢᠯ ᠣᠶᠢᠯᠡᠰ ᠢ ᠶᠡᠬᠡᠪᠠᠷ ᠬᠥᠭᠵᠢᠭᠦᠯᠥᠨ᠎ᠡ᠃ 1200 ᠲᠥᠮᠡᠨ ᠲᠥᠭᠦᠷᠢᠭ ᠤᠨ ᠪᠡᠯᠡ ᠣᠷᠣᠭᠤᠯᠵᠣ | ᠂ ᠨᠡᠭᠦᠳᠡᠯᠯᠡᠭᠰᠡᠨ 500 ᠮᠠᠯᠴᠢᠨ ᠲᠠᠷᠢᠶᠠᠴᠢᠨ ᠡᠷᠦᠬᠡ ᠳᠤ ᠨᠠᠷᠠᠨ ᠡᠨᠧᠷᠬᠢ ᠪᠠᠷ ᠣᠰᠣ ᠬᠠᠯᠠᠭᠠᠬᠤ ᠳᠦᠬᠦᠬᠡᠷᠦᠮᠵᠢ | ᠤᠭᠰᠠᠷᠠᠬᠤ᠂ ᠨᠡᠶᠢᠳᠡ ᠶᠢᠨ ᠪᠠᠷᠢᠯᠭ᠎ᠠ ᠶᠢᠨ ᠳᠠᠬᠢᠯᠳᠠᠳᠤ ᠡᠨᠧᠷᠬᠢ ᠶᠢᠨ ᠵᠢᠱᠢᠶ᠎ᠡ ᠥᠵᠡᠭᠦᠯᠬᠦ ᠵᠢᠴᠢ ᠴᠠᠬᠢᠯᠭᠠᠨ ᠥᠭᠡᠢ | ᠭᠠᠵᠠᠷ ᠣᠷᠣᠨ ᠤ ᠭᠡᠷᠡᠯ ᠡᠨᠧᠷᠬᠢ ᠤᠨ ᠣᠰᠣᠨ ᠬᠥᠬᠡᠷᠭᠡ ᠵᠡᠷᠭᠡ ᠲᠥᠷᠥᠯ ᠵᠣᠶᠢᠯ ᠢ ᠬᠡᠷᠡᠭᠵᠢᠭᠦᠯᠥᠨ᠎ᠡ᠃ ᠳᠣᠮᠳᠠᠳᠣ | ᠣᠯᠣᠰ ᠤᠨ ᠰᠢᠨᠵᠢᠯᠡᠬᠦ ᠣᠬᠠᠭᠠᠨ ᠤ ᠬᠥᠷᠢᠶᠡᠯᠡᠩ᠂ ᠲᠢᠶᠠᠨᠵᠢᠨ ᠤ ᠬᠢᠳᠡᠳ ᠡᠮ ᠡᠮᠨᠡᠯᠭᠡ ᠶᠢᠨ ᠶᠡᠭᠡ ᠰᠣᠷᠭᠠᠭᠤᠯᠢ | ᠵᠡᠷᠭᠡ ᠡᠷᠳᠡᠮ ᠰᠢᠨᠵᠢᠯᠡᠭᠡᠨ ᠤ ᠬᠥᠷᠢᠶᠡᠯᠡᠩ ᠪᠠ ᠶᠡᠭᠡ ᠰᠣᠷᠭᠠᠭᠤᠯᠢ ᠲᠠᠢ ᠬᠠᠮᠳᠤᠷᠠᠯᠴᠠᠭ᠎ᠠ ᠪᠠᠨ ᠭᠥᠨᠵᠡᠭᠡᠶᠢᠷᠡᠭᠦᠯᠵᠥ | ᠂ ᠰᠢᠨ᠎ᠡ ᠮᠡᠷᠭᠡᠵᠢᠯ ᠰᠢᠨ᠎ᠡ ᠪᠥᠳᠥᠭᠡᠭᠳᠡᠭᠦᠨ ᠢ ᠰᠤᠳᠤᠯᠵᠤ ᠨᠡᠬᠡᠬᠡᠨ ᠬᠦᠭᠵᠢᠬᠦᠯᠬᠦ ᠪᠠ ᠬᠡᠷᠡᠭᠯᠡᠬᠦ ᠬᠥᠴᠥᠯᠡᠴᠡ ᠪᠠᠨ | ᠶᠡᠬᠡᠰᠭᠡᠵᠣ᠂ ᠰᠢᠨᠵᠢᠯᠡᠭᠡ ᠮᠡᠷᠭᠡᠵᠢᠯ ᠤᠨ ᠥᠷ᠎ᠡ ᠪᠥᠳᠥᠮᠵᠢ ᠶᠢᠨ ᠬᠤᠪᠢᠷᠠᠭᠤᠯᠣᠯᠳᠠ ᠶᠢ ᠠᠬᠢᠭᠤᠯᠣᠨ᠎ᠠ᠃ | ᠦᠨᠳᠤᠰᠤᠲᠡᠨ ᠤ ᠰᠤᠷᠭᠠᠨ ᠬᠦᠮᠦᠵᠢᠯ ᠢ ᠡᠩ ᠲᠡᠷᠢᠭᠦᠨ ᠳᠤ ᠬᠦᠭᠵᠢᠬᠦᠯᠦᠨ᠂ ᠣᠨᠴᠣᠭᠤᠢ ᠰᠣᠷᠭᠠᠨ ᠬᠥᠮᠥᠵᠢᠯ | ᠢ ᠳᠡᠮᠵᠢᠵᠣ᠂ ᠠᠯᠪᠠᠨ ᠵᠢᠷᠣᠮ ᠤᠨ ᠰᠣᠷᠭᠠᠨ ᠬᠥᠮᠥᠵᠢᠯ ᠤᠨ ᠲᠡᠩᠴᠡᠭᠦᠷᠢᠲᠠᠢ ᠬᠥᠭᠵᠢᠬᠦ ᠶᠢ ᠠᠬᠢᠭᠤᠯᠣᠨ᠎ᠠ᠃ | ᠪᠠᠭᠰᠢ ᠶᠢᠨ ᠡᠩᠨᠡᠭᠡᠨ ᠤ ᠬᠠᠮᠢᠶᠠᠷᠣᠯᠳᠠ᠂ ᠪᠠᠭᠰᠢ ᠶᠢᠨ ᠮᠣᠷᠠᠯ ᠰᠣᠷᠳᠠᠯ ᠤᠨ ᠪᠠᠶᠢᠭᠤᠯᠣᠯᠳᠠ ᠪᠠ ᠪᠠᠭᠰᠢ ᠶᠢᠨ | ᠪᠣᠯᠪᠠᠰᠣᠷᠠᠯ ᠢ ᠴᠢᠩᠭᠠᠳᠬᠠᠨ᠂ ᠰᠣᠷᠭᠠᠭᠤᠯᠢ ᠶᠢᠨ ᠬᠥᠷᠢᠶᠡᠨ ᠤ ᠠᠮᠣᠷ ᠲᠥᠪᠰᠢᠨ ᠢ ᠴᠢᠩᠭᠠᠳᠬᠠᠨ᠎ᠠ᠃ 7 | ᠬᠡᠦᠬᠡᠳ ᠤᠨ ᠴᠡᠴᠡᠷᠯᠢᠭ᠂ 4 ᠳᠣᠮᠳᠠᠳᠣ ᠪᠠᠭ᠎ᠠ ᠰᠣᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠲᠠᠰᠤᠭ ᠤᠨ | ᠪᠠᠶᠢᠭᠤᠯᠣᠯᠳᠠ ᠶᠢᠨ ᠲᠥᠷᠥᠯ ᠵᠣᠶᠢᠯ ᠢ ᠬᠡᠷᠡᠭᠵᠢᠬᠦᠯᠵᠤ᠂ 3 ᠰᠣᠮᠣ ᠪᠠᠯᠭᠠᠰᠣᠨ ᠤ ᠪᠠᠭ᠎ᠠ ᠬᠡᠯᠪᠡᠷᠢ ᠶᠢᠨ ᠪᠠᠶ᠎ᠡ ᠶᠢᠨ | ᠲᠠᠮᠢᠷ ᠤᠨ ᠬᠥᠳᠡᠯᠭᠡᠭᠡᠨ ᠤ ᠲᠥᠪ ᠢ ᠪᠠᠶᠢᠭᠤᠯᠣᠨ᠎ᠠ᠃ ᠭᠤᠣᠯᠳᠠᠯᠭ᠎ᠠ ᠲᠠᠢ ᠲᠡᠣᠬᠡᠨ ᠳᠣᠷᠠᠰᠬᠠᠯᠳᠣ ᠵᠣᠶᠢᠯᠡᠰ ᠢ | ᠬᠠᠮᠠᠭᠠᠯᠠᠬᠤ ᠠᠵᠢᠯ ᠢ ᠰᠠᠶᠢᠳᠣᠷ ᠬᠢᠵᠤ᠂ ᠪᠣᠳᠠᠰ ᠤᠨ ᠪᠣᠰᠣ ᠰᠣᠶᠣᠯ ᠤᠨ ᠥᠪ ᠢ ᠬᠠᠮᠠᠭᠠᠯᠠᠬᠤ ᠪᠠ ᠣᠯᠠᠮᠵᠢᠯᠠᠬᠤ | ᠶᠢ ᠴᠢᠩᠭᠠᠳᠬᠠᠨ᠎ᠠ᠃ ᠥᠨᠳᠥᠰᠥᠳᠡᠨ ᠤ ᠬᠤᠪᠴᠠᠰᠣ ᠵᠠᠰᠠᠯ᠂ ᠡᠯᠡᠰᠣᠨ ᠵᠢᠷᠤᠭ᠂ ᠠᠯᠠᠱᠠ ᠬᠡᠪᠢᠰ ᠬᠢᠬᠦ ᠵᠡᠷᠭᠡ | ᠣᠨᠴᠠᠯᠢᠭᠳᠣ ᠥᠨᠳᠥᠰᠥᠳᠡᠨ ᠤ ᠭᠠᠷ ᠣᠷᠠᠯᠢᠭᠴᠢᠳ ᠤᠨ ᠲᠥᠪᠯᠡᠷᠡᠨ ᠡᠵᠡᠩᠨᠡᠯᠳᠡ ᠬᠢᠬᠦ ᠶᠢ ᠵᠣᠷᠢᠭᠵᠢᠭᠤᠯᠣᠨ | ᠵᠢᠯᠤᠭᠤᠳᠴᠤ᠂ ᠬᠤᠱᠣᠳ ᠤᠨ ᠥᠨᠳᠥᠰᠥᠳᠡᠨ ᠤ ᠵᠠᠩ ᠣᠶᠢᠯᠡ ᠰᠣᠶᠣᠯ ᠤᠨ ᠵᠡᠭᠡᠯᠢ ᠶᠢ ᠴᠤᠭᠴᠠᠯᠠᠨ᠎ᠠ᠃ ᠪᠥᠬᠦ | ᠠᠷᠠᠳ ᠢᠶᠠᠷ ᠢᠶᠠᠨ ᠪᠠᠶ᠎ᠡ ᠪᠠᠨ ᠴᠢᠬᠢᠷᠠᠭᠵᠢᠭᠤᠯᠬᠤ᠂ ᠵᠠᠭᠤᠨ ᠡᠳᠤᠷ ᠤᠨ ᠵᠤᠨ ᠤ ᠰᠠᠯᠡᠭᠦᠴᠡᠯ᠂ ᠠᠵᠢᠯ ᠤᠨ | ᠴᠢᠯᠣᠭᠡᠨ ᠤ ᠬᠥᠯ ᠪᠥᠮᠪᠦᠭᠡ ᠵᠡᠷᠭᠡ ᠬᠦᠳᠡᠯᠬᠡᠬᠡᠨ ᠢ ᠥᠷᠭᠡᠨ ᠳᠡᠯᠭᠡᠷ ᠥᠷᠨᠢᠭᠦᠯᠵᠥ᠂ ᠬᠥᠯ ᠪᠦᠮᠪᠦᠬᠡᠨ ᠤ ᠲᠠᠯᠠᠪᠣᠷ | ᠪᠠ ᠪᠣᠯᠪᠠᠰᠣᠷᠠᠯ ᠤᠨ ᠰᠠᠭᠤᠷᠢᠨ ᠭᠠᠵᠠᠷ ᠤᠨ ᠪᠠᠶᠢᠭᠤᠯᠣᠯᠳᠠ ᠶᠢ ᠲᠥᠷᠭᠡᠳᠬᠡᠵᠥ᠂ ᠣᠯᠠᠨ ᠳᠦᠮᠡᠨ ᠤ ᠰᠣᠶᠣᠯ | ᠲᠠᠮᠢᠷ ᠤᠨ ᠠᠮᠢᠳᠣᠷᠠᠯ ᠢ ᠪᠠᠶᠠᠯᠢᠭᠵᠢᠭᠤᠯᠣᠨ᠎ᠠ᠃ ᠬᠤᠰᠢᠭᠤᠨ ᠤ ᠳᠡᠰ ᠤᠨ ᠠᠯᠪᠠᠨ ᠠᠴᠠ ᠪᠠᠶᠢᠭᠤᠯᠣᠭᠰᠠᠨ | ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠥᠭᠡᠷᠡᠴᠢᠯᠡᠯᠳᠡ ᠶᠢᠨ ᠠᠵᠢᠯ ᠢ ᠭᠥᠨᠵᠡᠭᠡᠢ ᠠᠬᠢᠭᠤᠯᠵᠣ᠂ ᠪᠣᠳᠠᠳᠣ | ᠥᠷ᠎ᠡ ᠪᠥᠳᠥᠮᠵᠢ ᠣᠯᠬᠤ ᠶᠢ ᠪᠠᠳᠣᠯᠠᠨ᠎ᠠ᠃ ᠬᠢᠳᠠᠳ ᠮᠣᠩᠭᠤᠯ ᠡᠮ ᠡᠮᠨᠡᠯᠭᠡ ᠶᠢᠨ ᠠᠵᠢᠯ ᠣᠶᠢᠯᠡᠰ ᠤᠨ | ᠬᠥᠭᠵᠢᠯᠳᠡ ᠶᠢ ᠴᠢᠬᠤᠯᠠᠴᠢᠯᠠᠨ᠂ ᠬᠢᠳᠠᠳ ᠮᠤᠩᠭᠤᠯ ᠡᠮᠨᠡᠯᠭᠡ ᠶᠢᠨ ᠬᠤᠷᠢᠶᠠᠨ ᠤ ᠶᠡᠷᠤᠩᠭᠡᠶᠢᠯᠡᠭᠰᠡᠨ ᠠᠰᠠᠷ ᠤᠨ | ᠪᠠᠶᠢᠭᠤᠯᠣᠯᠳᠠ ᠶᠢ ᠲᠥᠷᠭᠡᠳᠬᠡᠨᠠ᠃ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠶᠡᠬᠡᠪᠠᠷ | ᠥᠷᠨᠢᠭᠦᠯᠵᠥ᠂ ᠣᠯᠣᠰ ᠤᠨ ᠳᠡᠰ ᠤᠨ ᠣᠯᠣᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠤᠰᠢᠭᠤ ᠰᠢᠶᠡᠨ ᠢ | ᠢᠳᠡᠪᠬᠢᠲᠠᠢ ᠡᠬᠦᠳᠦᠨ ᠪᠠᠶᠢᠭᠤᠯᠤᠨ᠎ᠠ᠃ ᠡᠯ᠎ᠡ ᠲᠥᠷᠥᠯ ᠤᠨ ᠠᠷᠠᠳ ᠢ ᠬᠠᠷᠠᠭᠠᠯᠵᠠᠬᠤ ᠲᠥᠯᠥᠪᠯᠡᠭᠡᠳᠣ ᠬᠥᠩᠭᠡᠵᠢᠯ | ᠤᠨ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠬᠥᠮᠥᠨ ᠠᠮᠠ ᠶᠢᠨ ᠠᠶᠠᠨᠳᠠᠭᠠᠨ ᠥᠰᠬᠦ ᠨᠣᠷᠮ᠎ᠠ ᠶᠢ 8. | 25‰ ᠳᠣᠳᠣᠷ᠎ᠠ ᠬᠢᠵᠠᠭᠠᠷᠯᠠᠨ᠎ᠠ᠃ ᠪᠠᠶᠠᠨᠬᠤᠳᠠ ᠶᠢᠨ ᠥᠢᠯᠡᠰ ᠪᠣᠰᠬᠠᠬᠤ ᠬᠥᠷᠢᠶᠡᠯᠡᠩ ᠢᠶᠠᠷ ᠲᠠᠪᠴᠠᠩ ᠪᠣᠯᠭᠠᠵᠣ | ᠂ ᠢᠵᠢ ᠪᠥᠷᠢᠳᠥᠭᠰᠡᠨ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠵᠣ᠂ ᠢᠳᠡᠭᠡᠨ ᠤ ᠵᠦᠢᠯ ᠪᠠ ᠮᠠᠯ ᠤᠨ | ᠠᠰᠢᠭ ᠰᠢᠮ᠎ᠠ ᠲᠠᠷᠢᠶᠠᠯᠠᠩ ᠤᠨ ᠪᠦᠲᠦᠭᠡᠭᠲᠡᠭᠦᠨ ᠢ ᠪᠣᠯᠪᠠᠰᠣᠷᠠᠭᠤᠯᠬᠤ ᠵᠡᠷᠬᠡ ᠠᠵᠣ ᠠᠬᠤᠶᠢᠯᠠᠯ ᠤᠨ ᠣᠷᠣᠵᠣ | ᠢᠷᠡᠬᠦ ᠶᠢ ᠵᠣᠷᠢᠭᠵᠢᠭᠤᠯᠣᠨ ᠵᠢᠯᠣᠭᠤᠳᠴᠣ᠂ ᠲᠥᠪᠯᠡᠷᠡᠭᠦᠯᠥᠨ ᠳᠦᠷᠢᠮᠵᠢᠬᠦᠯᠵᠤ ᠬᠠᠮᠢᠶᠠᠷᠬᠤ ᠶᠢ ᠪᠡᠶᠡᠯᠡᠭᠦᠯᠥᠨ᠎ᠡ᠃ | ᠢᠳᠡᠭᠡᠨ ᠤ ᠵᠣᠶᠢᠯ ᠪᠠ ᠡᠮ ᠤᠨ ᠵᠣᠶᠢᠯᠡᠰ ᠤᠨ ᠠᠮᠣᠷ ᠲᠥᠪᠰᠢᠨ ᠤ ᠬᠢᠨᠠᠨ ᠬᠠᠮᠢᠶᠠᠷᠣᠯᠳᠠ ᠶᠢ ᠥᠨᠡᠨᠬᠦ | ᠴᠢᠩᠭᠠᠳᠬᠠᠵᠣ᠂ ᠣᠯᠠᠨ ᠲᠥᠮᠡᠨ ᠤ ᠢᠳᠡᠭᠡᠨ ᠣᠮᠳᠠᠭᠠᠨ ᠪᠠ ᠡᠮ ᠬᠡᠷᠡᠭᠯᠡᠬᠦ ᠠᠮᠣᠷ ᠲᠥᠪᠰᠢᠨ ᠢ ᠪᠠᠳᠣᠯᠠᠨ᠎ᠠ᠃ | ᠰᠠᠭᠤᠭᠠᠯᠢ ᠲᠣᠭᠤᠷᠢᠭ ᠤᠨ ᠠᠳᠠᠯ ᠠᠬᠤᠢ ᠶᠢᠨ ᠬᠠᠮᠢᠶᠠᠷᠤᠯᠳᠠ ᠶᠢ ᠲᠥᠷᠢᠮᠵᠢᠭᠦᠯᠵᠥ᠂ ᠥᠮᠴᠢᠳᠡᠨ ᠤ ᠺᠣᠮᠢᠰ | ᠤᠨ ᠬᠢᠨᠠᠨ ᠬᠠᠮᠢᠶᠠᠷᠬᠤ ᠣᠶᠢᠯᠡᠳᠣᠯ ᠢᠶᠠᠨ ᠪᠠᠳᠠᠷᠠᠭᠤᠯᠬᠤ ᠶᠢ ᠬᠥᠳᠥᠯᠥᠨ ᠵᠢᠯᠣᠭᠤᠳᠴᠣ᠂ ᠠᠳᠠᠯ ᠠᠬᠤᠢ ᠶᠢᠨ | ᠬᠠᠮᠢᠶᠠᠷᠤᠯᠳᠠ ᠶᠢᠨ ᠬᠢᠷᠢ ᠲᠥᠪᠰᠢᠨ ᠢ ᠶᠡᠬᠡᠪᠠᠷ ᠳᠡᠭᠡᠭᠰᠢᠯᠡᠭᠦᠯᠥᠨ᠎ᠡ᠃ | ᠨᠡᠶᠢᠬᠡᠮ ᠤᠨ ᠵᠠᠰᠠᠯᠳᠠ ᠴᠡᠭᠴᠡᠯᠡᠯᠳᠡ ᠶᠢ ᠢᠳᠡᠪᠬᠢᠲᠠᠢ ᠰᠢᠨᠡᠳᠬᠡᠨ᠎ᠡ᠃ ᠨᠡᠶᠢᠬᠡᠮ ᠤᠨ ᠵᠦᠷᠢᠴᠡᠯ ᠵᠢᠭᠤᠷᠠᠯᠳᠤᠭᠠᠨ ᠤ | ᠳᠠᠯᠳᠠ ᠭᠡᠮ ᠢ ᠪᠠᠶᠢᠴᠠᠭᠠᠬᠤ ᠠᠵᠢᠯ ᠢ ᠬᠥᠨᠵᠡᠭᠡᠢ ᠥᠷᠨᠢᠭᠦᠯᠵᠥ᠂ ᠠᠷᠠᠳ ᠣᠯᠠᠨ ᠤ ᠭᠤᠮᠣᠳᠠᠯ ᠲᠣᠭᠠᠴᠢᠬᠤ ᠵᠠᠮ ᠢ | ᠰᠢᠯᠤᠭᠤᠳᠬᠠᠨ᠂ ᠣᠳᠣᠷᠢᠳᠬᠤ ᠺᠠᠳ᠋ᠷ ᠬᠡᠷᠡᠭ ᠤᠴᠢᠷ ᠳᠠᠭᠠᠭᠠᠴᠢᠯᠠᠨ ᠰᠢᠢᠳᠪᠣᠷᠢᠯᠡᠬᠦ ᠲᠥᠷᠢᠮ ᠢ ᠪᠠᠷᠢᠮᠳᠠᠯᠠᠨ᠂ | ᠨᠡᠶᠢᠬᠡᠮ ᠤᠨ ᠵᠥᠷᠢᠴᠡᠯ ᠵᠢᠭᠤᠷᠠᠯᠳᠣᠭᠠᠨ ᠢ ᠬᠠᠣᠯᠢ ᠶᠣᠰᠣᠭᠠᠷ ᠡᠶᠡᠳᠡᠭᠦᠯᠵᠣ᠂ ᠨᠡᠶᠢᠬᠡᠮ ᠤᠨ ᠡᠶ᠎ᠡ ᠨᠠᠶᠢᠷᠠᠮᠳᠠᠭᠤ | ᠲᠣᠭᠳᠠᠭᠤᠨ ᠪᠠᠶᠢᠳᠠᠯ ᠢ ᠬᠠᠮᠠᠭᠠᠯᠠᠨ᠎ᠠ᠃ ᠮᠠᠯᠴᠢᠨ ᠲᠠᠷᠢᠶᠠᠴᠢᠨ ᠬᠥᠯᠥᠰᠥᠨ ᠠᠵᠢᠯᠴᠢᠨ ᠤ ᠴᠠᠯᠢᠩ ᠤᠨ | ᠪᠠᠳᠣᠯᠠᠭᠠᠨ ᠤ ᠮᠥᠩᠬᠦ ᠶᠢᠨ ᠲᠥᠷᠢᠮ ᠢ ᠴᠢᠩᠭ᠎ᠠ ᠨᠠᠶᠢᠳᠠᠪᠣᠷᠢᠵᠢᠭᠤᠯᠵᠣ᠂ ᠮᠠᠯᠴᠢᠨ ᠲᠠᠷᠢᠶᠠᠴᠢᠨ ᠬᠥᠯᠥᠰᠥᠨ | ᠠᠵᠢᠯᠴᠢᠨ ᠤ ᠬᠠᠣᠯᠢ ᠶᠣᠰᠣᠨ ᠤ ᠡᠷᠬᠡ ᠠᠰᠢᠭ ᠢ ᠪᠠᠳᠣᠯᠠᠨ᠂ ᠡᠶ᠎ᠡ ᠵᠣᠬᠢᠴᠠᠯᠳᠣ ᠬᠥᠳᠡᠯᠮᠥᠷᠢ ᠶᠢᠨ ᠬᠠᠷᠢᠴᠠᠭ᠎ᠠ | ᠶᠢ ᠪᠠᠶᠢᠭᠤᠯᠣᠨ᠎ᠠ᠃ ᠠᠶᠣᠯ ᠥᠭᠡᠢ ᠥᠢᠯᠡᠳᠪᠥᠷᠢᠯᠡᠯ ᠤᠨ ︽ᠣᠯᠠᠭᠠᠨ ᠱᠣᠭᠤᠮ︾ ᠤᠨ ᠤᠬᠠᠮᠰᠠᠷ ᠢ ᠪᠠᠳᠣ | ᠪᠠᠬᠢ ᠪᠣᠯᠭᠠᠵᠣ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠲᠠᠢ᠂ ᠨᠢᠭᠡ ᠪᠠᠶᠢᠷᠢ ᠬᠤᠶᠠᠷ ᠬᠠᠷᠢᠭᠤᠴᠠᠯᠭ᠎ᠠ ᠲᠠᠢ᠂ | ᠵᠡᠷᠭᠡᠪᠡᠷ ᠠᠳᠬᠤᠵᠥ ᠬᠠᠮᠳᠥᠪᠠᠷ ᠬᠠᠮᠢᠶᠠᠷᠬᠤ︾ ᠪᠠ ︽ᠠᠵᠢᠯ ᠲᠥᠷᠥᠯ᠂ ᠲᠣᠬᠠᠶᠢᠯᠠᠭᠰᠠᠨ ᠠᠵᠢᠯ᠂ | ᠣᠶᠢᠯᠡᠳᠪᠣᠷᠢᠯᠡᠯ ᠡᠵᠡᠩᠨᠡᠯᠳᠡ ᠶᠢ ᠬᠠᠮᠢᠶᠠᠷᠬᠤ ᠳᠤ ᠡᠷᠬᠡᠪᠰᠢ ᠠᠮᠣᠷ ᠲᠥᠪᠰᠢᠨ ᠢ ᠬᠠᠮᠢᠶᠠᠷᠬᠤ︾ | ᠬᠠᠷᠢᠭᠤᠴᠠᠯᠭ᠎ᠠ ᠶᠢᠨ ᠲᠥᠷᠢᠮ ᠢ ᠬᠢᠨᠠᠮᠠᠭᠠᠢ ᠳᠤᠤᠱᠯᠠᠭᠤᠯᠵᠤ᠂ ︽ ᠬᠠᠣᠯᠢ ᠪᠣᠰᠣ ᠠᠵᠢᠯᠯᠠᠭ᠎ᠠ ᠳᠤ ᠴᠣᠬᠢᠯᠳᠠ | ᠥᠭᠴᠥ ᠬᠠᠣᠯᠢ ᠲᠥᠷᠢᠮ ᠠᠴᠠ ᠵᠥᠷᠢᠴᠡᠬᠦ ᠶᠢ ᠵᠠᠰᠠᠨ ᠴᠡᠭᠴᠡᠯᠡᠬᠦ︾ ᠵᠡᠷᠭᠡ ᠲᠣᠰᠬᠠᠢ ᠠᠵᠢᠯᠯᠠᠭ᠎ᠠ ᠶᠢ ᠬᠥᠨᠵᠡᠭᠡᠢ | ᠥᠷᠨᠢᠭᠦᠯᠵᠥ᠂ ᠭᠤᠣᠯᠳᠠᠯᠭ᠎ᠠ ᠲᠠᠢ ᠭᠠᠵᠠᠷ ᠣᠷᠣᠨ᠂ ᠠᠵᠢᠯ ᠲᠥᠷᠥᠯ ᠤᠨ ᠠᠮᠣᠷ ᠲᠥᠪᠰᠢᠨ ᠤ ᠳᠠᠯᠳᠠ ᠭᠡᠮ ᠢ | ᠪᠠᠶᠢᠴᠠᠭᠠᠨ ᠵᠠᠰᠠᠬᠤ ᠶᠢ ᠰᠠᠶᠢᠳᠣᠷ ᠠᠳᠬᠤᠵᠣ᠂ ᠡᠯ᠎ᠡ ᠵᠣᠶᠢᠯ ᠤᠨ ᠣᠨᠴᠠ ᠶᠡᠭᠡ ᠠᠳᠡᠯ ᠡᠭᠦᠰᠬᠦ ᠶᠢ ᠡᠷᠡᠰ | ᠰᠡᠷᠭᠡᠶᠢᠯᠡᠨ᠎ᠡ᠃ ᠭᠡᠨᠡᠳᠳᠡ ᠶᠢᠨ ᠬᠡᠷᠡᠭ ᠣᠴᠢᠷ ᠤᠨ ᠪᠠᠴᠢᠮ ᠪᠠᠶᠢᠳᠠᠯ ᠢ ᠠᠷᠭᠠᠴᠠᠭᠠᠬᠤ ᠳᠤᠭᠳᠠᠴᠠ ᠶᠢ | ᠲᠡᠭᠦᠯᠳᠡᠷᠵᠢᠭᠦᠯᠵᠥ᠂ ᠣᠯᠠᠨ ᠨᠡᠶᠢᠳᠡ ᠶᠢᠨ ᠭᠡᠨᠡᠳᠳᠡ ᠶᠢᠨ ᠬᠡᠷᠡᠭ ᠣᠴᠢᠷ ᠢ ᠠᠷᠭᠠᠴᠠᠭᠠᠬᠤ ᠴᠢᠳᠠᠪᠣᠷᠢ ᠪᠠᠨ | ᠳᠡᠭᠡᠭᠰᠢᠯᠡᠭᠦᠯᠥᠨ᠎ᠡ᠃ ᠡᠯ᠎ᠡ ᠲᠥᠷᠥᠯ ᠤᠨ ᠬᠠᠣᠯᠢ ᠠᠴᠠ ᠵᠥᠷᠢᠴᠡᠭᠰᠡᠨ ᠶᠠᠯᠠᠳᠣ ᠠᠵᠢᠯᠯᠠᠭ᠎ᠠ ᠳᠤ ᠬᠠᠣᠯᠢ ᠪᠠᠷ | ᠴᠣᠬᠢᠯᠳᠠ ᠥᠭᠴᠥ᠂ ᠠᠷᠠᠳ ᠣᠯᠠᠨ ᠳᠤ ᠠᠮᠣᠷ ᠲᠥᠪᠰᠢᠨ ᠡᠮᠬᠢ ᠵᠢᠷᠣᠮ ᠲᠠᠢ ᠣᠶᠢᠯᠡᠳᠪᠥᠷᠢᠯᠡᠯ ᠠᠮᠢᠳᠣᠷᠠᠯ ᠤᠨ | ᠣᠷᠴᠢᠨ ᠲᠣᠭᠤᠷᠢᠨ ᠢ ᠬᠠᠩᠭᠠᠨ᠎ᠠ᠃ | ︽ᠵᠢᠷᠭᠤᠳᠣᠭᠠᠷ ᠲᠠᠪᠣᠨ ᠵᠢᠯ︾ ᠤᠨ ᠬᠠᠣᠯᠢ ᠲᠥᠭᠡᠮᠡᠯᠵᠢᠭᠦᠯᠬᠦ ᠠᠵᠢᠯ ᠢ ᠳ᠋ᠦᠩᠨᠡᠨ ᠰᠢᠯᠭᠠᠬᠤ ᠠᠵᠢᠯ ᠢ | ᠬᠢᠨᠠᠮᠠᠭᠠᠢ ᠰᠠᠶᠢᠳᠣᠷ ᠬᠢᠨ᠎ᠡ᠃ ᠬᠤᠶᠠᠷ ᠢ ᠭᠦᠷᠢᠶᠡᠯᠡᠵᠥ ᠬᠠᠮᠳᠤᠪᠡᠷ ᠪᠠᠶᠢᠭᠤᠯᠬᠤ ᠠᠵᠢᠯᠯᠠᠭ᠎ᠠ ᠶᠢ ᠶᠡᠬᠡᠪᠠᠷ | ᠦᠷᠨᠢᠭᠦᠯᠵᠥ᠂ ︽ᠬᠤᠶᠠᠷ ᠢ ᠬᠥᠷᠢᠶᠡᠯᠡᠭᠰᠡᠨ ᠵᠢᠱᠢᠶᠡᠴᠢ ᠬᠤᠰᠢᠭᠤ︾ ᠶᠢᠨ ᠠᠵᠢᠯ ᠤᠨ ᠥᠷ᠎ᠡ ᠪᠥᠳᠥᠮᠵᠢ ᠪᠠᠨ | ᠪᠠᠬᠢᠵᠢᠬᠦᠯᠦᠨ᠎ᠡ᠃ ᠥᠨᠳᠥᠰᠥᠳᠡᠨ ᠤ ᠠᠵᠢᠯ ᠢ ᠪᠥᠬᠦ ᠲᠠᠯ᠎ᠠ ᠪᠠᠷ ᠰᠠᠶᠢᠳᠣᠷ ᠬᠢᠵᠣ᠂ ᠮᠣᠩᠭᠤᠯ ᠬᠢᠳᠠᠳ ᠥᠰᠥᠭ | ᠪᠢᠴᠢᠭ ᠢ ᠵᠡᠷᠭᠡᠪᠠᠷ ᠬᠡᠷᠡᠭᠯᠡᠬᠦ ᠶᠢ ᠴᠡᠭᠴᠡᠯᠡᠬᠦ ᠠᠵᠢᠯ ᠢ ᠲᠥᠯᠬᠢᠨ ᠠᠬᠢᠭᠤᠯᠵᠣ᠂ ᠥᠨᠳᠥᠰᠥᠳᠡᠨ ᠱᠠᠰᠢᠨ | ᠰᠣᠷᠳᠠᠬᠤᠨ ᠤ ᠰᠣᠶᠣᠯ ᠢ ᠬᠠᠮᠠᠭᠠᠯᠠᠬᠤ ᠪᠠ ᠠᠪᠣᠷᠠᠨ ᠰᠡᠷᠭᠦᠭᠡᠨ᠎ᠡ᠃ ᠠᠵᠢᠯᠴᠢᠡ ᠤ ᠡᠪᠯᠡᠯ᠂ ᠡᠪ ᠬᠠᠮᠳᠤ | ᠵᠠᠯᠠᠭᠤᠴᠤᠳ ᠤᠨ ᠡᠪᠯᠡᠯ᠂ ᠡᠮᠡᠭᠳᠠᠶᠢᠴᠤᠳ ᠤᠨ ᠬᠤᠯᠪᠤᠭ᠎ᠠ ᠵᠡᠷᠭᠡ ᠤᠯᠠᠨ ᠲᠥᠮᠡᠨᠴᠢ ᠪᠦᠯᠬᠦᠮ ᠤᠨ ᠬᠥᠬᠦᠷᠭᠡ | ᠬᠤᠯᠪᠤᠭᠠᠰᠤ ᠶᠢᠨ ᠥᠢᠯᠡᠳᠤᠯ ᠢᠶᠠᠨ ᠬᠥᠢᠴᠡᠳ ᠪᠠᠳᠠᠷᠠᠭᠤᠯᠬᠤ ᠶᠢ ᠳᠡᠮᠵᠢᠵᠣ᠂ ᠭᠠᠳᠠᠭᠠᠳᠣ ᠶᠠᠪᠣᠳᠠᠯ ᠬᠠᠷᠢᠶᠠᠳᠣ | ᠶᠢᠨ ᠶᠠᠪᠣᠳᠠᠯ᠂ ᠲᠡᠣᠬᠡ ᠣᠶᠢᠯᠠᠯᠭ᠎ᠠ ᠲᠠᠩᠰᠠ ᠡᠪᠬᠡᠮᠡᠯ᠂ ᠡᠮᠡᠭᠲᠠᠶᠢᠴᠣᠳ ᠪᠠᠭᠠᠴᠣᠳ ᠵᠡᠷᠭᠡ ᠠᠵᠢᠯ ᠢ ᠰᠠᠶᠢᠳᠣᠷ | ᠬᠢᠨ᠎ᠡ᠃ ᠪᠦᠬᠦ ᠣᠯᠣᠰ ᠤᠨ 1% ᠶᠢᠨ ᠬᠥᠮᠥᠨ ᠠᠮᠠ ᠶᠢᠨ ᠦᠯᠢᠬᠡᠷ ᠠᠪᠴᠣ ᠪᠠᠶᠢᠴᠠᠭᠠᠬᠤ᠂ ᠵᠡᠮᠳᠡᠭᠴᠣᠣᠯ ᠤᠨ | ᠥᠨᠳᠥᠰᠥᠨ ᠣᠶᠢᠯᠡᠴᠢᠯᠡᠭᠡᠨ ᠤ ᠪᠠᠶᠢᠳᠠᠯ ᠪᠠ ᠱᠠᠭᠠᠷᠳᠠᠯᠭ᠎ᠠ ᠶᠢᠨ ᠲᠣᠰᠬᠠᠢ ᠪᠠᠶᠢᠴᠠᠭᠠᠯᠳᠠ ᠶᠢᠨ ᠠᠵᠢᠯ ᠢ | ᠥᠷᠨᠢᠭᠦᠯᠥᠨ᠎ᠡ᠃ ᠵᠣᠬᠢᠶᠠᠨ ᠪᠠᠶᠢᠭᠤᠯᠵᠣ ᠣᠳᠣᠷᠢᠳᠣᠨ ᠵᠢᠯᠣᠭᠤᠳᠬᠤ ᠪᠠᠨ ᠴᠢᠩᠭᠠᠳᠬᠠᠵᠣ᠂ ᠭᠠᠴᠠᠭ᠎ᠠ | ᠲᠣᠰᠬᠤᠨ ᠤ ︽ᠬᠤᠶᠠᠷ ᠵᠥᠪᠯᠡᠯ︾ ᠤᠨ ᠬᠤᠭᠤᠴᠠᠭ᠎ᠠ ᠰᠣᠯᠢᠬᠤ ᠰᠤᠩᠭᠤᠭᠤᠯᠢ ᠶᠢᠨ ᠠᠵᠢᠯ ᠢ ᠪᠡᠶᠡᠯᠡᠬᠦᠯᠦᠨ᠎ᠡ᠃ | ᠠᠵᠤ ᠠᠬᠤᠢ ᠶᠢᠨ ᠬᠦᠭᠵᠢᠯᠳᠡ ᠶᠢᠨ ᠤᠷᠴᠢᠨ ᠲᠤᠭᠤᠷᠢᠨ ᠢ ᠬᠦᠨᠵᠡᠬᠡᠢ ᠵᠠᠳᠠᠯᠵᠤ᠂ ᠠᠵᠤ ᠠᠬᠤᠢ ᠶᠢᠨ | ᠬᠦᠭᠵᠢᠯᠳᠡ ᠶᠢᠨ ᠬᠠᠨᠳᠤᠰᠢ ᠶᠢ ᠰᠢᠨᠵᠢᠯᠡᠬᠦ ᠤᠬᠠᠭᠠᠨᠴᠢ ᠪᠠᠷ ᠲᠥᠰᠥᠭᠡᠯᠡᠵᠥ᠂ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠦᠯᠦᠪᠵᠢᠭᠦᠯᠬᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠵᠤ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠳᠡ ᠶᠢᠨ ᠠᠤᠭ᠎ᠠ ᠶᠡᠭᠡ ᠲᠥᠯᠦᠪᠯᠡᠭᠡ ᠪᠠ ᠠᠵᠢᠯᠯᠠᠭᠠᠨ ᠤ ᠵᠦᠭᠯᠡᠭᠦᠷ ᠪᠤᠯᠭᠠᠨ᠎ᠠ᠃ | ︵ᠵᠢᠷᠭᠤᠭ᠎ᠠ︶ ᠦᠭᠡᠷᠡᠴᠢᠯᠡᠯᠳᠡ ᠨᠡᠭᠡᠭᠡᠯᠳᠡ ᠶᠢ ᠪᠦᠭᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠢ ᠨᠡᠶᠢᠭᠡᠮ | ᠤᠨ ᠬᠥᠭᠵᠢᠯᠳᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠥᠨ᠎ᠡ | ᠦᠭᠡᠷᠡᠴᠢᠯᠡᠯᠳᠡ ᠰᠢᠨᠡᠴᠢᠯᠡᠯᠳᠡ ᠶᠢ ᠪᠥᠭᠦ ᠲᠠᠯ᠎ᠠ ᠪᠠᠷ ᠬᠦᠨᠵᠡᠭᠡᠶᠢᠷᠡᠬᠦᠯᠵᠤ᠂ ᠭᠤᠤᠯᠳᠠᠯᠭ᠎ᠠ ᠲᠠᠢ ᠬᠥᠷᠢᠶ᠎ᠡ ᠴᠠᠷ᠎ᠠ ᠪᠠ | ᠵᠠᠩᠬᠢᠯᠠᠭ᠎ᠠ ᠶᠢᠨ ᠭᠤᠭᠴᠣᠭᠠᠨ ᠤ ᠦᠭᠡᠷᠡᠴᠢᠯᠡᠯᠳᠡ ᠶᠢ ᠭᠦᠨᠵᠡᠬᠡᠢ ᠲᠦᠯᠬᠢᠨ ᠠᠬᠢᠭᠤᠯᠵᠤ᠂ ᠭᠦᠭᠵᠢᠯᠳᠡ ᠶᠢ | ᠬᠢᠵᠠᠭᠠᠷᠯᠠᠬᠤ ᠪᠠᠶᠢᠭᠤᠯᠤᠮᠵᠢ ᠲᠣᠭᠳᠠᠴᠠ ᠶᠢᠨ ᠰᠠᠭᠠᠳ ᠢ ᠬᠦᠴᠦᠯᠡᠨ ᠠᠷᠢᠯᠭᠠᠵᠤ᠂ ᠦᠬᠡᠷᠡᠴᠢᠯᠡᠯᠳᠡ | ᠨᠡᠬᠡᠬᠡᠯᠳᠡ ᠶᠢᠨ ᠦᠷ᠎ᠡ ᠠᠰᠢᠭ ᠢ ᠨᠡᠶᠢᠬᠡᠮ ᠨᠡᠶᠢᠳᠡ ᠳᠤ ᠡᠳ᠋ᠯᠡᠬᠦᠯᠦᠨ᠎ᠡ᠃ | ᠭᠤᠤᠯᠳᠠᠯᠭ᠎ᠠ ᠲᠠᠢ ᠭᠦᠷᠢᠶᠠᠨ ᠤ ᠦᠭᠡᠷᠡᠴᠢᠯᠡᠯᠳᠡ ᠰᠢᠨᠡᠴᠢᠯᠡᠯᠳᠡ ᠶᠢ ᠭᠦᠨᠵᠡᠭᠡᠶᠢᠷᠡᠭᠦᠯᠥᠨᠡ᠃ ᠵᠠᠰᠠᠭ ᠤᠨ ᠤᠷᠳᠤᠨ | ᠠᠴᠠ ᠨᠡᠶᠢᠳᠡ ᠶᠢᠨ ᠦᠢᠯᠡᠴᠢᠯᠡᠭᠡ ᠶᠢ ᠬᠤᠳᠠᠯᠳᠤᠨ ᠠᠪᠬᠤ ᠠᠵᠢᠯ ᠢ ᠴᠢᠨᠠᠭᠰᠢᠳᠠ ᠳᠡᠬᠦᠯᠳᠡᠷᠵᠢᠬᠦᠯᠵᠤ᠂ ᠵᠠᠬ᠎ᠠ | ᠲᠡᠯᠭᠡᠭᠦᠷ ᠪᠠ ᠨᠡᠶᠢᠭᠡᠮ ᠤᠨ ᠵᠤᠬᠢᠶᠠᠨ ᠪᠠᠶᠢᠭᠤᠯᠤᠯᠳᠠ ᠪᠠᠷ ᠨᠡᠩ ᠤᠯᠠᠨ ᠨᠡᠶᠢᠳᠡ ᠶᠢᠨ ᠦᠢᠯᠡᠴᠢᠯᠡᠭᠡ ᠶᠢ | ᠬᠠᠷᠢᠭᠤᠴᠠᠭᠤᠯᠵᠤ᠂ ᠬᠤᠶᠢᠨᠠᠬᠢ ᠬᠢᠨᠠᠨ ᠬᠠᠮᠢᠶᠠᠷᠬᠤ ᠲᠣᠭᠳᠠᠴᠠ ᠪᠠ ᠵᠢᠱᠢᠨ ᠦᠨᠡᠯᠡᠬᠦ ᠰᠢᠰᠲ᠋ᠧᠮ ᠢ | ᠲᠡᠭᠦᠯᠳᠡᠷᠵᠢᠭᠦᠯᠦᠨ᠂ ᠨᠡᠶᠢᠳᠡ ᠶᠢᠨ ᠦᠢᠯᠡᠴᠢᠯᠡᠭᠡ ᠬᠠᠩᠭᠠᠬᠤ ᠥᠷ᠎ᠡ ᠠᠰᠢᠭ ᠢ ᠲᠠᠰᠤᠷᠠᠯᠳᠠ ᠥᠬᠡᠢ | ᠲᠡᠭᠡᠭᠰᠢᠯᠡᠬᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠪᠦᠳᠦᠬᠡᠨ ᠪᠠᠶᠢᠭᠤᠯᠤᠯᠳᠠ ᠶᠢ | ᠪᠡᠶᠡᠯᠡᠬᠦᠯᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠵᠢᠴᠢ ᠦᠢᠯᠡᠴᠢᠯᠡᠭᠡᠨ ᠤ ᠵᠣᠶᠢᠯ ᠤᠳ ᠢ ᠪᠥᠬᠦᠨ ᠢ | ᠶᠡᠭᠡ ᠲᠢᠩᠬᠢᠮ ᠳᠤ ᠤᠷᠤᠭᠤᠯᠤᠨ ᠰᠢᠢᠳᠪᠤᠷᠢᠯᠡᠵᠤ᠂ ᠠᠶᠢᠮᠠᠭ᠂ ᠬᠤᠰᠢᠭᠤ᠂ ᠨᠡᠶᠢᠭᠡᠮ ᠲᠤᠭᠤᠷᠢᠭ ᠤᠨ ᠵᠠᠰᠠᠭ ᠤᠨ | ᠶᠠᠪᠤᠳᠠᠯ ᠤᠨ ᠥᠢᠯᠡᠴᠢᠯᠡᠭᠡᠨ ᠤ ᠲᠣᠣᠷᠵᠢᠯ ᠤᠨ ᠰᠢᠰᠲ᠋ᠧᠮ ᠢ ᠪᠠᠶᠢᠭᠤᠯᠵᠤ᠂ ᠰᠦᠯᠵᠢᠶᠠᠨ ᠲᠡᠭᠡᠷ᠎ᠡ ᠬᠢᠨᠡᠨ | ᠵᠥᠪᠰᠢᠶᠡᠷᠡᠬᠦ ᠪᠠ ᠦᠢᠯᠡᠴᠢᠯᠡᠬᠦ ᠶᠢ ᠪᠡᠶᠡᠯᠡᠭᠦᠯᠥᠨ᠂ ᠦᠢᠯᠡᠴᠢᠯᠡᠭᠡᠨ ᠤ ᠥᠷ᠎ᠡ ᠠᠰᠢᠭ ᠢ ᠲᠡᠭᠡᠭᠰᠢᠯᠡᠭᠦᠯᠥᠨ᠎ᠡ᠃ | ᠨᠡᠶᠢᠳᠡ ᠶᠢᠨ ᠡᠬᠢ ᠪᠠᠶᠠᠯᠢᠭ ᠢ ᠠᠷᠠᠯᠵᠢᠶᠠᠯᠠᠬᠤ ᠥᠢᠯᠡᠴᠢᠯᠡᠭᠡᠨ ᠤ ᠲᠡᠪᠴᠡᠩ ᠢ ᠪᠠᠶᠢᠭᠤᠯᠵᠤ᠂ ᠵᠠᠰᠠᠭ ᠤᠨ ᠤᠷᠳᠤᠨ | ᠤ ᠬᠤᠳᠠᠯᠳᠤᠨ ᠠᠪᠬᠤ᠂ ᠤᠯᠤᠰ ᠤᠨ ᠥᠮᠴᠢᠯᠡᠯᠳᠥ ᠬᠥᠷᠥᠩᠭᠡ ᠶᠢᠨ ᠡᠷᠭᠡ ᠶᠢ ᠠᠷᠠᠯᠵᠢᠶᠠᠯᠠᠬᠤ᠂ ᠭᠠᠵᠠᠷ ᠰᠢᠷᠥᠢ | ᠠᠭᠤᠷᠬᠠᠢ ᠶᠢᠨ ᠡᠷᠬᠡ ᠶᠢ ᠰᠢᠯᠵᠢᠭᠦᠯᠬᠦ᠂ ᠢᠨᠵᠧᠨᠧᠷᠢᠩ ᠤᠨ ᠳᠠᠭᠠᠭᠠᠴᠢᠯᠠᠯᠳᠠ ᠵᠠᠷᠯᠠᠵᠣ ᠬᠥᠯᠢᠶᠡᠬᠦ᠂ ᠤᠨᠴᠠ | ᠵᠦᠪᠰᠢᠶᠡᠷᠡᠭᠰᠡᠨ ᠡᠵᠡᠩᠨᠡᠬᠦ ᠡᠷᠭᠡ ᠵᠡᠷᠭᠡ ᠶᠢ ᠵᠠᠬ᠎ᠠ ᠠᠴᠠ ᠨᠢ ᠲᠠᠪᠴᠠᠩ ᠳᠤ ᠤᠷᠤᠭᠤᠯᠤᠨ ᠬᠡᠷᠡᠭᠵᠢᠭᠦᠯᠵᠥ᠂ | ᠨᠡᠶᠢᠳᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠷᠭᠡ ᠲᠡᠭᠰᠢ᠂ ᠢᠯᠠ ᠲᠤᠳᠤ ᠴᠢᠨᠠᠷ ᠢ ᠪᠡᠶᠡᠯᠡᠭᠦᠯᠥᠨ᠎ᠡ᠃ | ᠰᠢᠨ᠎ᠡ ︽ᠲᠦᠰᠦᠪᠯᠡᠨ ᠪᠤᠳᠤᠬᠤ ᠬᠠᠤᠯᠢ︾ ᠶᠢ ᠲᠤᠤᠱᠯᠠᠭᠤᠯᠤᠨ ᠬᠡᠷᠡᠭᠵᠢᠬᠦᠯᠵᠤ᠂ ᠡᠳ᠋ ᠶᠢᠨ ᠵᠠᠰᠠᠭ ᠤᠨ ᠲᠦᠰᠦᠪ | ᠤᠨ ᠬᠠᠮᠢᠶᠠᠷᠤᠯᠳᠠ ᠶᠢ ᠴᠢᠩᠭᠠᠳᠬᠠᠨ᠂ ᠲᠦᠰᠦᠪ ᠢ ᠬᠦᠢᠴᠡᠳᠬᠡᠬᠦ ᠡᠷᠡᠰ ᠬᠠᠳᠠᠨ ᠴᠢᠨᠠᠷ ᠪᠠ ᠢᠯᠡ ᠲᠤᠳᠤ | ᠬᠡᠮᠵᠢᠶ᠎ᠡ ᠶᠢ ᠨᠡᠮᠡᠭᠳᠡᠬᠦᠯᠦᠨ᠎ᠡ᠃ ᠠᠯᠪᠠᠨ ᠶᠠᠪᠤᠳᠠᠯ ᠤᠨ ᠺᠠᠷᠲ ᠤᠨ ᠳ᠋ᠦᠩᠨᠡᠨ ᠪᠤᠳᠤᠬᠤ ᠲᠦᠷᠢᠮ ᠢ ᠪᠥᠭᠦ ᠲᠠᠯ᠎ᠠ ᠪᠠᠷ | ᠬᠡᠷᠡᠭᠵᠢᠬᠦᠯᠵᠤ᠂ ᠵᠠᠰᠠᠭ ᠵᠠᠬᠢᠷᠭ᠎ᠠ ᠠᠵᠢᠯ ᠥᠢᠯᠡᠰ ᠤᠨ ᠨᠢᠭᠡᠴᠡ ᠶᠢᠨ ᠨᠢᠭᠳᠠᠯᠠᠨ ᠪᠤᠳᠤᠭᠴᠢ ᠶᠢ ᠲᠦᠪᠯᠡᠷᠡᠭᠦᠯᠥᠨ | ᠲᠤᠭᠠᠴᠠᠭ᠎ᠠ ᠬᠢᠬᠦ ᠲᠤᠷᠰᠢᠯᠳᠠ ᠶᠢᠨ ᠴᠡᠭ ᠤᠨ ᠠᠵᠢᠯ ᠢ ᠰᠠᠶᠢᠳᠤᠷ ᠬᠢᠨ᠎ᠡ᠃ ᠠᠯᠪᠠᠨ ᠪᠠᠶᠢᠭᠤᠯᠭ᠎ᠠ ᠶᠢᠨ ᠠᠯᠪᠠᠨ ᠤ | ᠲᠡᠷᠭᠡ ᠬᠡᠷᠡᠭᠯᠡᠬᠦ ᠲᠥᠷᠢᠮ ᠤᠨ ᠦᠭᠡᠷᠡᠴᠢᠯᠡᠯᠳᠡ ᠶᠢ ᠪᠡᠶᠡᠯᠡᠭᠦᠯᠥᠨ᠎ᠡ᠃ ᠰᠤᠶᠤᠯ ᠤᠨ ᠪᠠᠶᠢᠭᠤᠯᠤᠮᠵᠢ ᠶᠢᠨ | ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠰᠤᠶᠤᠯ ᠤᠨ ᠠᠵᠢᠯ ᠢ ᠡᠷᠬᠢᠯᠡᠬᠦ ᠠᠴᠠ ᠰᠤᠶᠤᠯ ᠤᠨ ᠠᠵᠢᠯ ᠢ | ᠬᠠᠮᠢᠶᠠᠷᠬᠤ ᠪᠤᠯᠭᠠᠵᠤ ᠬᠤᠪᠢᠷᠠᠭᠤᠯᠤᠨ᠎ᠠ᠃ ᠦᠢᠯᠡᠳᠪᠤᠷᠢ ᠬᠤᠳᠠᠯᠳᠤᠭ᠎ᠠ ᠡᠵᠡᠩᠨᠡᠬᠦ ᠦᠨᠡᠮᠯᠡᠯ᠂ ᠵᠤᠬᠢᠶᠠᠨ | ᠪᠠᠶᠢᠭᠤᠯᠤᠯᠳᠠ ᠶᠢᠨ ᠪᠠᠶᠢᠭᠤᠯᠤᠮᠵᠢ ᠶᠢᠨ ᠲᠦᠯᠦᠭᠡᠯᠡᠬᠦ ᠲᠡᠮᠳᠡᠭ ᠤᠨ ᠦᠨᠡᠮᠯᠡᠯ ᠪᠠ ᠭᠠᠶᠢᠯᠢ ᠶᠢᠨ ᠶᠠᠪᠤᠳᠠᠯ ᠳᠤ | ᠲᠠᠩᠰᠠᠯᠠᠭᠤᠯᠤᠭᠰᠠᠨ ᠦᠨᠡᠮᠯᠡᠯ ︽ᠭᠤᠷᠪᠠᠨ ᠦᠨᠡᠮᠯᠡᠯ ᠢ ᠨᠢᠭᠡᠳᠭᠡᠭᠰᠡᠨ︾ ᠲᠠᠩᠰᠠᠯᠠᠬᠤ ᠲᠦᠷᠢᠮ ᠤᠨ ᠲᠤᠷᠰᠢᠯᠳᠠ | ᠶᠢᠨ ᠴᠡᠭ ᠤᠨ ᠠᠵᠢᠯ ᠢ ᠦᠷᠨᠢᠭᠦᠯᠥᠨ᠎ᠡ᠃ ᠨᠡᠭᠦᠷᠡᠰᠤᠨ ᠤ ᠡᠬᠢ ᠪᠠᠶᠠᠯᠢᠭ ᠤᠨ ᠭᠠᠶᠢᠯᠢ ᠶᠢ ᠦᠨ᠎ᠡ ᠪᠠᠷ | ᠲᠠᠳᠠᠪᠤᠷᠢᠯᠠᠬᠤ ᠦᠭᠡᠷᠡᠴᠢᠯᠡᠯᠳᠡ ᠶᠢ ᠪᠦᠭᠦ ᠲᠠᠯ᠎ᠠ ᠪᠠᠷ ᠬᠡᠷᠡᠭᠵᠢᠬᠦᠯᠵᠤ᠂ ᠡᠵᠡᠩᠨᠡᠯᠳᠡ ᠶᠢᠨ ᠭᠠᠶᠢᠯᠢ ᠶᠢ ᠨᠡᠮᠡᠭᠳᠡᠯ | ᠦᠷᠳᠡᠭ ᠤᠨ ᠭᠠᠶᠢᠯᠢ ᠪᠤᠯᠭᠠᠨ ᠬᠤᠪᠢᠷᠠᠭᠤᠯᠬᠤ ᠬᠡᠪᠴᠢᠶ᠎ᠡ ᠶᠢ ᠥᠷᠭᠡᠳᠭᠡᠬᠦ ᠠᠵᠢᠯ ᠢ ᠦᠷᠭᠦᠯᠵᠢᠯᠡᠨ ᠰᠠᠶᠢᠳᠤᠷ | ᠬᠢᠨ᠎ᠡ᠃ ᠤᠯᠤᠰ ᠤᠨ ᠦᠮᠴᠢᠯᠡᠯᠳᠤ ᠡᠳ᠋ ᠬᠦᠷᠦᠩᠭᠡ ᠶᠢᠨ ᠬᠠᠮᠢᠶᠠᠷᠤᠯᠳᠠ ᠶᠢ ᠴᠢᠩᠭᠠᠳᠬᠠᠵᠤ᠂ ᠤᠯᠤᠰ ᠤᠨ | ᠥᠮᠴᠢᠯᠡᠯᠳᠤ ᠡᠵᠡᠩᠨᠡᠯᠳᠡ ᠶᠢᠨ ᠴᠢᠨᠠᠷᠳᠠᠢ ᠡᠳ᠋ ᠬᠦᠷᠦᠩᠭᠡ ᠶᠢᠨ ᠥᠷ᠎ᠡ ᠠᠰᠢᠭ ᠢ ᠲᠡᠭᠡᠭᠰᠢᠯᠡᠬᠦᠯᠦᠨ᠎ᠡ᠃ | ᠭᠠᠳᠠᠭᠠᠳᠤ ᠲᠠᠢ ᠴᠢᠯᠤᠭᠡᠳᠠᠢ ᠶᠠᠪᠤᠯᠴᠠᠬᠤ ᠶᠢ ᠲᠠᠰᠤᠷᠠᠯᠳᠠ ᠥᠬᠡᠢ ᠦᠷᠭᠡᠳᠭᠡᠨ᠎ᠡ᠃ ᠤᠯᠤᠰ ᠠᠴᠠ ᠲᠤᠷᠭᠠᠨ ᠵᠠᠮ | ᠤᠨ ᠠᠵᠤ ᠠᠬᠤᠢ ᠶᠢᠨ ᠪᠦᠰᠡ ᠶᠢᠨ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠬᠦ ᠠᠵᠠ ᠲᠤᠬᠢᠶᠠᠯ ᠵᠢᠴᠢ ᠮᠠᠨ ᠤ | ᠬᠤᠰᠢᠭᠤ ᠶᠢ ᠬᠦᠬᠡᠬᠤᠳᠠ ᠪᠤᠭᠤᠳᠤ ᠢᠷᠭᠠᠢ ᠢᠦᠢ ᠯᠢᠨ ᠤ ᠠᠵᠤ ᠠᠬᠤᠢ ᠶᠢᠨ ᠤᠷᠤᠨ ᠤ ᠲᠦᠯᠦᠪᠵᠢᠭᠦᠯᠬᠡ ᠳᠤ | ᠤᠷᠤᠭᠤᠯᠤᠭᠰᠠᠨ ᠠᠰᠢᠭᠳᠠᠢ ᠴᠠᠭ ᠲᠤᠬᠢᠶᠠᠯ ᠢ ᠠᠳᠬᠤᠨ᠂ ᠦᠵᠡᠯ ᠰᠠᠨᠠᠭ᠎ᠠ᠂ ᠦᠢᠯᠡ ᠠᠵᠢᠯᠯᠠᠭ᠎ᠠ ᠠᠴᠠ ᠪᠠᠨ | ᠰᠠᠨᠠᠭᠠᠴᠢᠯᠠᠭ᠎ᠠ ᠲᠠᠢ ᠪᠠᠷ ᠠᠭᠤᠰᠤᠨ ᠤᠷᠤᠵᠤ᠂ ᠤᠷᠤᠨ ᠪᠠᠶᠢᠷᠢ ᠪᠠᠨ ᠤᠨᠤᠪᠴᠢᠳᠠᠢ ᠲᠤᠭᠳᠠᠭᠠᠨ᠂ ᠢᠵᠢ | ᠪᠦᠷᠢᠳᠤᠭᠦᠯᠦᠨ ᠠᠪᠴᠠᠯᠳᠤᠭᠤᠯᠬᠤ ᠶᠢ ᠰᠠᠶᠢᠳᠤᠷ ᠪᠡᠶᠡᠯᠡᠬᠦᠯᠵᠤ᠂ ᠬᠦᠭᠵᠢᠯᠳᠡ ᠶᠢᠨ ᠤᠷᠤᠨ ᠵᠠᠢ ᠢ ᠦᠷᠭᠡᠳᠭᠡᠨ᠎ᠡ᠃ | ᠦᠯᠵᠡᠢ ᠪᠤᠭᠤᠮᠳᠠ ᠶᠢ ᠬᠢᠨᠠᠨ ᠵᠦᠪᠰᠢᠶᠡᠷᠡᠭᠦᠯᠬᠦ ᠠᠵᠢᠯ ᠢ ᠪᠦᠭᠦ ᠬᠦᠴᠦ ᠪᠠᠷ ᠲᠦᠯᠬᠢᠨ ᠠᠬᠢᠭᠤᠯᠵᠤ᠂ ᠪᠤᠭᠤᠮᠳᠠ | ᠶᠢᠨ ᠪᠦᠳᠦᠭᠡᠨ ᠪᠠᠶᠢᠭᠤᠯᠤᠯᠳᠠ ᠶᠢᠨ ᠲᠦᠷᠦᠯ ᠵᠦᠢᠯ ᠵᠢᠴᠢ ᠪᠡᠯᠡ ᠮᠥᠩᠬᠦ ᠶᠢ ᠢᠳᠡᠪᠬᠢᠳᠠᠢ ᠴᠢᠷᠮᠠᠶᠢᠨ ᠤᠯᠵᠤ᠂ | ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢᠨ ᠠᠵᠢᠯ ᠢ ᠰᠠᠶᠢᠳᠤᠷ ᠬᠢᠵᠤ᠂ ᠦᠯᠵᠡᠢ ᠪᠤᠭᠤᠮᠳᠠ ᠶᠢᠨ ᠨᠡᠶᠢᠳᠡᠮ | ᠬᠡᠷᠡᠭᠯᠡᠬᠡᠨ ᠤ ᠨᠢᠰᠭᠡᠯ ᠤᠨ ᠪᠠᠭᠤᠳᠠᠯ ᠤᠨ ᠪᠦᠳᠦᠭᠡᠨ ᠪᠠᠶᠢᠭᠤᠯᠤᠯᠳᠠ ᠶᠢ ᠠᠵᠢᠯ ᠡᠬᠢᠯᠡᠬᠦᠯᠬᠦ ᠪᠠᠷ ᠬᠦᠴᠦᠯᠡᠨ | ᠴᠢᠷᠮᠠᠶᠢᠨ᠎ᠠ᠃ ᠳᠤᠮᠳᠠᠳᠤ ᠮᠤᠩᠭᠤᠯ ᠤᠨ ᠬᠠᠮᠳᠣᠷᠠᠯᠴᠠᠭᠠᠨ ᠤ ᠡᠷᠬᠢᠯᠳᠡᠳᠣ ᠠᠵᠤ ᠠᠬᠤᠢ ᠶᠢᠨ ᠠᠵᠤ ᠣᠶᠢᠯᠡᠳᠪᠥᠷᠢ | ᠶᠢᠨ ᠲᠤᠭᠤᠷᠢᠭ ᠤᠨ ᠲᠦᠯᠦᠪᠵᠢᠭᠦᠯᠬᠡ᠂ ᠬᠢᠨᠠᠨ ᠵᠦᠪᠰᠢᠶᠡᠷᠡᠬᠦᠯᠬᠦ ᠪᠠ ᠪᠥᠳᠥᠭᠡᠨ ᠪᠠᠶᠢᠭᠤᠯᠤᠯᠳᠠ ᠶᠢ ᠰᠠᠶᠢᠳᠤᠷ | ᠲᠦᠯᠦᠪᠯᠡᠨ᠎ᠡ᠃ ᠮᠤᠩᠭᠤᠯ ᠤᠨ ᠲᠠᠯ᠎ᠠ ᠯᠤᠭ᠎ᠠ ᠶᠢᠨ ᠰᠤᠶᠤᠯ᠂ ᠰᠤᠷᠭᠠᠨ ᠬᠦᠮᠦᠵᠢᠯ᠂ ᠰᠢᠨᠵᠢᠯᠡᠭᠡ ᠮᠡᠷᠭᠡᠵᠢᠯ᠂ | ᠡᠷᠡᠭᠦᠯ ᠬᠠᠮᠠᠭᠠᠯᠠᠯ᠂ ᠵᠢᠭᠤᠯᠴᠢᠯᠠᠯ ᠵᠡᠷᠭᠡ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭ᠎ᠠ ᠪᠠᠨ ᠴᠢᠩᠭᠠᠳᠬᠠᠨ᠂ ᠬᠤᠶᠠᠷ | ᠲᠠᠯ᠎ᠠ ᠶᠢᠨ ᠨᠦᠬᠦᠷᠰᠡᠭ ᠬᠠᠷᠢᠴᠠᠭ᠎ᠠ ᠪᠠᠨ ᠬᠦᠨᠵᠡᠭᠡᠶᠢᠷᠡᠭᠦᠯᠦᠨ᠎ᠡ᠃ | ︵ᠲᠤᠯᠤᠭ᠎ᠠ︶ ᠵᠠᠰᠠᠭ ᠤᠨ ᠤᠷᠳᠤᠨ ᠤ ᠡᠬᠦᠷᠭᠡ ᠴᠢᠳᠠᠪᠬᠢ ᠶᠢ ᠬᠤᠪᠢᠷᠠᠭᠤᠯᠵᠤ᠂ ᠬᠠᠤᠯᠢ ᠶᠤᠰᠤᠭᠠᠷ ᠵᠠᠰᠠᠭ | ᠶᠠᠪᠤᠭᠤᠯᠬᠤ ᠶᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠪᠦᠬᠦ ᠲᠠᠯ᠎ᠠ ᠪᠠᠷ | ᠪᠠᠶᠢᠭᠤᠯᠤᠨ᠎ᠠ | ᠰᠢᠨ᠎ᠡ ᠬᠡᠪ ᠤᠨ ᠪᠠᠶᠢᠳᠠᠯ ᠲᠤᠤᠷ᠎ᠠ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠲᠥᠯᠬᠢᠨ ᠠᠬᠢᠭᠤᠯᠬᠤ ᠳᠤ᠂ | ᠡᠷᠭᠡᠪᠰᠢ ᠵᠠᠰᠠᠭ ᠤᠨ ᠤᠷᠳᠤᠨ ᠤ ᠲᠤᠰ ᠪᠡᠶ᠎ᠡ ᠶᠢᠨ ᠪᠥᠳᠥᠬᠡᠨ ᠪᠠᠶᠢᠭᠤᠯᠤᠯᠳᠠ ᠶᠢ ᠴᠢᠩᠭᠠᠳᠬᠠᠵᠤ᠂ ᠡᠷᠬᠡ | ᠲᠤᠰᠢᠶᠠᠯ ᠢ ᠬᠠᠤᠯᠢ ᠪᠠᠷ ᠲᠤᠭᠳᠠᠭᠠᠠᠨ᠂ ᠬᠠᠤᠯᠢ ᠪᠠᠷ ᠵᠠᠰᠠᠭ ᠶᠠᠪᠤᠭᠤᠯᠵᠤ᠂ ᠡᠷᠭᠡ ᠲᠡᠭᠰᠢ ᠢᠯᠠ ᠲᠤᠳᠤ᠂ | ᠠᠷᠢᠭᠤᠨ ᠴᠢᠭᠡᠴᠢ ᠦᠨᠡᠨᠴᠢ ᠢᠳᠡᠬᠡᠯ ᠲᠠᠢ ᠬᠠᠤᠯᠢ ᠪᠠᠷ ᠵᠠᠰᠠᠬᠤ ᠵᠠᠰᠠᠭ ᠤᠨ ᠤᠷᠳᠤᠨ ᠢ ᠲᠦᠷᠭᠡᠳᠭᠡᠨ ᠪᠠᠶᠢᠭᠤᠯᠬᠤ | ᠬᠡᠷᠡᠭᠳᠡᠢ᠃ | ᠵᠠᠰᠠᠭ ᠤᠨ ᠤᠷᠳᠤᠨ ᠤ ᠡᠬᠦᠷᠭᠡ ᠴᠢᠳᠠᠪᠬᠢ ᠪᠠᠨ ᠬᠠᠤᠯᠢ ᠪᠠᠷ ᠬᠦᠢᠴᠡᠳᠬᠡᠨ᠎ᠡ᠃ ᠬᠠᠤᠯᠢ ᠳᠤ ᠲᠤᠭᠲᠠᠭᠠᠭᠰᠠᠨ | ᠡᠭᠦᠷᠭᠡ ᠬᠠᠷᠢᠭᠤᠴᠠᠯᠭ᠎ᠠ ᠪᠠᠨ ᠡᠷᠭᠡᠪᠰᠢ ᠬᠦᠢᠴᠡᠳᠭᠡᠬᠦ᠂ ᠬᠠᠤᠯᠢ ᠠᠴᠠ ᠡᠷᠭᠡ ᠤᠯᠭᠤᠭᠰᠠᠨ ᠦᠭᠡᠢ ᠪᠤᠯ | ᠬᠡᠷᠡᠭᠵᠢᠬᠦᠯᠵᠤ ᠦᠯᠦ ᠪᠤᠯᠬᠤ ᠶᠢ ᠪᠠᠷᠢᠮᠳᠠᠯᠠᠵᠤ᠂ ᠬᠠᠤᠯᠢ ᠪᠠᠷ ᠲᠤᠭᠳᠠᠭᠠᠭᠰᠠᠨ ᠡᠷᠭᠡ ᠶᠢᠨ ᠬᠢᠵᠠᠭᠠᠷᠯᠠᠯ ᠪᠠ | ᠠᠯᠬᠤᠮ ᠲᠠᠷᠠᠭᠠᠯᠠᠯ ᠢ ᠴᠢᠩᠭ᠎ᠠ ᠦᠨᠳᠤᠰᠤᠯᠡᠨ ᠡᠷᠭᠡ ᠪᠠᠨ ᠬᠡᠷᠡᠭᠵᠢᠭᠦᠯᠤᠨ᠎ᠠ᠃ ᠠᠵᠢᠯ ᠤᠨ ᠰᠤᠷᠳᠠᠯ ᠢᠶᠠᠨ ᠶᠡᠭᠡᠪᠡᠷ | ᠬᠤᠪᠢᠷᠠᠭᠤᠯᠤᠨ᠂ ᠬᠠᠤᠯᠢ ᠳᠤ ᠲᠤᠭᠳᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠵᠠᠰᠠᠭ ᠵᠠᠬᠢᠷᠭᠠᠨ | ᠤ ᠶᠠᠪᠤᠳᠠᠯ ᠢᠶᠠᠨ ᠵᠤᠷᠢᠭᠳᠠᠢ ᠬᠠᠷᠢᠭᠤᠴᠠᠵᠤ᠂ ᠵᠤᠷᠢᠭᠳᠠᠢ ᠡᠭᠦᠷᠭᠡᠯᠡᠨ᠂ ᠬᠠᠶᠢᠷ ᠠᠳᠬᠤᠪᠠᠯ ᠤᠷᠤ ᠦᠯᠡᠳᠡᠭᠡᠵᠤ᠂ | ᠬᠠᠳᠠᠨ ᠳᠤ ᠠᠯᠬᠤᠪᠠᠯ ᠮᠦᠷ ᠥᠯᠡᠳᠡᠬᠡᠬᠦ ᠵᠤᠷᠢᠭ ᠰᠠᠨᠠᠭ᠎ᠠ ᠪᠠᠷ ᠠᠵᠢᠯ ᠤᠨ ᠨᠠᠶᠢᠳᠠᠪᠤᠷᠢᠵᠢᠭᠤᠯᠤᠯᠳᠠ ᠶᠢ ᠬᠦᠴᠦᠳᠠᠢ | ᠠᠳᠬᠤᠨ᠎ᠠ᠃ ᠠᠵᠢᠯ ᠬᠢᠬᠦ ᠥᠭᠡᠢ᠂ ᠲᠣᠷ᠎ᠠ ᠪᠠᠷ ᠢᠶᠠᠨ ᠥᠢᠯᠡᠳᠬᠦ᠂ ᠤᠳᠠᠭᠠᠰᠢᠷᠠᠭᠤᠯᠵᠤ ᠬᠢᠬᠦ ᠶᠢ ᠡᠷᠡᠰ | ᠵᠠᠯᠠᠷᠠᠭᠤᠯᠵᠤ᠂ ᠲᠣᠰᠢᠶᠠᠯ ᠳᠠᠭᠠᠨ ᠣᠰᠣᠯᠳᠠᠵᠣ ᠲᠣᠰᠢᠶᠠᠯ ᠢᠶᠠᠨ ᠭᠤᠳᠣᠭᠠᠬᠤ ᠬᠢᠳᠡᠯ ᠢ ᠡᠷᠡᠰ ᠲᠠᠰᠤ ᠵᠠᠯᠬᠠᠭᠠᠨ | ᠰᠢᠢᠳᠪᠤᠷᠢᠯᠡᠵᠤ᠂ ᠬᠥᠭᠵᠢᠯᠳᠡ ᠶᠢᠨ ᠤᠷᠴᠢᠨ ᠢ ᠡᠪᠳᠡᠬᠦ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠬᠤ | ᠬᠢᠳᠠᠯ ᠢ ᠡᠷᠡᠰ ᠴᠢᠩᠭ᠎ᠠ ᠵᠠᠯᠬᠠᠭᠠᠨ ᠰᠢᠳᠬᠡᠨ᠎ᠡ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ | ᠶᠢᠨ ᠲᠥᠷᠢᠮ ᠢ ᠨᠠᠶᠢᠳᠠᠪᠤᠷᠢᠵᠢᠭᠤᠯᠤᠨ᠂ ᠬᠠᠤᠯᠢ ᠬᠡᠷᠡᠭᠵᠢᠭᠦᠯᠬᠦ ᠶᠠᠪᠤᠴᠠ ᠶᠢ ᠲᠠᠭᠦᠯᠳᠡᠷᠵᠢᠭᠦᠯᠥᠨ᠂ ᠬᠠᠤᠯᠢ | ᠬᠡᠷᠡᠭᠵᠢᠭᠦᠯᠬᠦ ᠠᠰᠢᠭ ᠪᠦᠳᠦᠮᠵᠢ ᠪᠠ ᠲᠦᠷᠢᠮᠵᠢᠯ ᠤᠨ ᠬᠡᠮᠵᠢᠶ᠎ᠡ ᠶᠢ ᠳᠡᠬᠡᠭᠰᠢᠯᠡᠬᠦᠯᠵᠤ᠂ ᠬᠠᠤᠯᠢ ᠶᠢ ᠬᠡᠷᠡᠭᠵᠢᠭᠦᠯᠬᠦ | ᠬᠢᠨᠠᠯᠳᠠ ᠶᠢ ᠴᠢᠩᠭᠠᠷᠠᠭᠤᠯᠤᠨ᠎ᠠ᠃ ᠵᠠᠰᠠᠭ ᠤᠨ ᠤᠷᠳᠤᠨ ᠤ ᠡᠷᠭᠡ ᠶᠢᠨ ᠨᠠᠷᠢᠨ ᠲᠠᠩᠰᠠ᠂ ᠬᠠᠷᠢᠭᠤᠴᠠᠯᠭ᠎ᠠ ᠶᠢᠨ | ᠨᠠᠷᠢᠨ ᠲᠠᠩᠰᠠ ᠪᠠ ᠨᠠᠵᠠᠭᠠᠢ ᠲᠠᠯ᠎ᠠ ᠶᠢᠨ ᠨᠠᠷᠢᠨ ᠲᠠᠩᠰᠠ ᠶᠢᠨ ᠲᠦᠷᠢᠮ ᠢ ᠬᠡᠷᠡᠭᠵᠢᠬᠦᠯᠵᠤ᠂ ᠵᠠᠰᠠᠭ ᠵᠠᠬᠢᠷᠭᠠᠨ ᠤ | ᠦᠢᠯᠡᠳᠤᠯ ᠴᠢᠳᠠᠪᠬᠢ ᠪᠠ ᠠᠷᠠᠳ ᠤᠨ ᠲᠦᠯᠦᠭᠡ ᠥᠢᠯᠡᠴᠢᠯᠡᠬᠦ ᠲᠦᠪᠰᠢᠨ ᠢᠶᠠᠨ ᠴᠢᠷᠮᠠᠶᠢᠨ ᠲᠠᠭᠡᠭᠰᠢᠯᠡᠭᠦᠯᠥᠨᠡ᠃ | ᠬᠠᠤᠯᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠤᠭᠳᠠᠴᠠ ᠢ ᠲᠡᠭᠦᠯᠳᠡᠷᠵᠢᠭᠦᠯᠥᠨ᠎ᠡ᠃ ︽ᠠᠯᠠᠱᠠ ᠵᠡᠬᠦᠨ | ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠠᠵᠢᠯ ᠤᠨ ᠲᠦᠷᠢᠮ︾ ᠪᠠ ︽ᠠᠯᠠᠱᠠ ᠵᠡᠬᠦᠨ ᠬᠤᠰᠢᠭᠤᠨ ᠤ | ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠦᠷᠢᠮ︾ ᠢ ᠴᠢᠩᠭ᠎ᠠ | ᠬᠡᠷᠡᠭᠵᠢᠬᠦᠯᠵᠤ᠂ ︽ᠭᠤᠷᠪᠠᠨ ᠴᠢᠬᠤᠯᠠ ᠨᠢᠭᠡ ᠶᠡᠭᠡ︾ ᠰᠢᠢᠳᠪᠤᠷᠢᠳᠤ ᠪᠤᠳᠤᠯᠭ᠎ᠠ ᠲᠤᠭᠳᠠᠭᠠᠬᠤ ᠲᠦᠷᠢᠮ ᠢ | ᠨᠡᠶᠢᠳᠠᠪᠤᠷᠢᠵᠢᠭᠤᠯᠵᠤ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ᠂ ᠤᠯᠤᠰ ᠲᠥᠷᠦ ᠶᠢᠨ ᠵᠦᠪᠯᠡᠯᠭᠡᠨ ᠤ | ᠰᠠᠨᠠᠭᠤᠯᠭ᠎ᠠ ᠶᠢ ᠢᠳᠡᠪᠬᠢᠳᠠᠢ ᠬᠦᠯᠢᠶᠠᠨ ᠠᠪᠴᠤ᠂ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠤᠷᠢ | ᠬᠤᠳᠠᠯᠳᠤᠭᠠᠨ ᠤ ᠬᠤᠯᠪᠤᠭ᠎ᠠ᠂ ᠨᠠᠮ ᠪᠦᠯᠦᠭ ᠤᠨ ᠪᠤᠰᠤ ᠬᠦᠮᠦᠰ ᠤᠨ ᠰᠠᠨᠠᠯ ᠢ ᠬᠦᠯᠢᠶᠠᠨ ᠰᠤᠨᠤᠰᠴᠤ᠂ ᠨᠡᠶᠢᠭᠡᠮ | ᠤᠨ ᠡᠯ᠎ᠡ ᠡᠳᠡᠭᠡᠳ ᠤᠨ ᠲᠤᠰᠬᠠᠢ ᠮᠡᠷᠭᠡᠵᠢᠯᠳᠡᠨ ᠡᠷᠳᠡᠮᠳᠡᠨ ᠴᠢᠳᠠᠪᠤᠷᠢᠳᠠᠨ ᠤ ᠦᠢᠯᠡᠳᠤᠯ ᠢ ᠬᠦᠢᠴᠡᠳ | ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠤᠷᠢᠳᠤ ᠪᠤᠳᠤᠯᠭ᠎ᠠ ᠲᠤᠭᠳᠠᠭᠠᠬᠤ ᠬᠢᠷᠢ ᠲᠥᠪᠰᠢᠨ ᠢᠶᠠᠨ | ᠲᠡᠭᠡᠭᠰᠢᠯᠡᠬᠦᠯᠥᠨ᠎ᠡ᠃ ᠬᠠᠤᠯᠢ ᠴᠠᠭᠠᠵᠠ ᠶᠢᠨ ᠵᠦᠪᠯᠡᠭᠴᠢ ᠶᠢᠨ ᠲᠥᠷᠢᠮ ᠢ ᠲᠡᠭᠦᠯᠳᠡᠷᠵᠢᠭᠦᠯᠥᠨ᠂ ᠠᠯᠪᠠᠨ | ᠲᠤᠰᠢᠶᠠᠯᠳᠤ ᠬᠠᠤᠯᠢᠴᠢ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠎ᠠ᠃ ᠰᠢᠢᠳᠪᠤᠷᠢᠳᠤ ᠪᠤᠳᠤᠯᠭ᠎ᠠ ᠶᠢᠨ | ᠬᠠᠤᠯᠢ ᠳᠤ ᠨᠡᠶᠢᠴᠡᠬᠦ ᠴᠢᠨᠠᠷ ᠢ ᠬᠢᠨᠠᠨ ᠪᠠᠶᠢᠴᠠᠭᠠᠬᠤ ᠲᠥᠷᠢᠮ ᠢ ᠪᠠᠶᠢᠭᠤᠯᠤᠨ ᠲᠡᠭᠦᠯᠳᠡᠷᠵᠢᠭᠦᠯᠵᠤ᠂ ᠴᠢᠬᠤᠯᠠ ᠶᠡᠭᠡ | ᠵᠠᠰᠠᠭ ᠵᠠᠬᠢᠷᠭᠠᠨ ᠤ ᠠᠵᠢᠯᠯᠠᠭᠠᠨ ᠤ ᠲᠠᠩᠰᠠᠨ ᠳᠤ ᠮᠡᠳᠡᠬᠦᠯᠬᠦ ᠳᠦᠷᠢᠮ ᠢ ᠬᠡᠷᠡᠭᠵᠢᠬᠦᠯᠥᠨ᠂ ᠴᠢᠬᠤᠯᠠ ᠶᠡᠭᠡ | ᠰᠢᠢᠳᠪᠤᠷᠢᠳᠤ ᠪᠤᠳᠤᠯᠭ᠎ᠠ ᠶᠢᠨ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠵᠢᠴᠢ ᠬᠠᠷᠢᠭᠤᠴᠠᠯᠭ᠎ᠠ ᠶᠢ | ᠬᠡᠳᠡᠷᠬᠦ ᠪᠠᠶᠢᠴᠠᠭᠠᠬᠤ ᠲᠥᠷᠢᠮ ᠢ ᠬᠡᠷᠡᠭᠵᠢᠬᠦᠯᠥᠨ᠎ᠡ᠃ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ ᠶᠢᠨ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠳᠠ ᠲᠠᠯᠪᠢᠬᠤ ᠶᠢ ᠴᠢᠩᠭᠠᠳᠬᠠᠵᠤ᠂ ᠰᠢᠢᠳᠪᠤᠷᠢᠳᠤ ᠪᠤᠳᠤᠯᠭ᠎ᠠ ᠶᠢ | ᠬᠡᠷᠡᠭᠵᠢᠬᠦᠯᠦᠭᠰᠡᠨ ᠪᠠᠶᠢᠳᠠᠯ ᠳᠤ ᠳᠤᠭᠳᠠᠭᠰᠠᠨ ᠬᠤᠭᠤᠴᠠᠭ᠎ᠠ ᠲᠠᠢ ᠪᠠᠷ ᠦᠨᠡᠯᠡᠨ ᠪᠠᠶᠢᠴᠠᠭᠠᠯᠳᠠ ᠬᠢᠵᠤ᠂ | ᠰᠢᠢᠳᠪᠤᠷᠢᠳᠤ ᠪᠤᠳᠤᠯᠭ᠎ᠠ ᠶᠢᠨ ᠪᠤᠳᠠᠳᠠᠢ ᠨᠠᠶᠢᠳᠠᠪᠦᠷᠢᠵᠢᠭᠤᠯᠤᠯᠳᠠ᠂ ᠬᠡᠷᠡᠭᠵᠢᠭᠦᠯᠥᠯᠳᠡ ᠶᠢ ᠪᠠᠳᠤᠯᠠᠨ᠎ᠠ᠃ | ᠡᠷᠬᠡ ᠳᠤ ᠬᠢᠨᠠᠯᠳᠠ ᠲᠠᠯᠪᠢᠨ ᠬᠢᠵᠠᠭᠠᠷᠯᠠᠬᠤ ᠶᠢ ᠴᠢᠩᠭᠠᠳᠬᠠᠨ᠎ᠠ᠃ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠲᠡᠬᠦᠨ ᠤ ᠪᠠᠶᠢᠩᠭᠤ ᠶᠢᠨ ᠬᠤᠷᠢᠶᠠᠨ ᠤ ᠰᠢᠢᠳᠪᠤᠷᠢ ᠪᠠ ᠲᠤᠭᠳᠠᠭᠠᠯ ᠢ ᠬᠢᠨᠠᠮᠠᠭᠠᠢ ᠬᠡᠷᠡᠭᠵᠢᠬᠦᠯᠵᠤ᠂ | ᠴᠢᠬᠤᠯᠠ ᠶᠡᠭᠡ ᠬᠡᠷᠡᠭ ᠶᠠᠪᠤᠳᠠᠯ ᠢ ᠮᠡᠳᠡᠬᠦᠯᠬᠦ ᠲᠥᠷᠢᠮ ᠢ ᠪᠠᠷᠢᠮᠳᠠᠯᠠᠨ᠎ᠠ᠃ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠲᠦᠯᠦᠭᠡᠯᠡᠭᠴᠢᠳ ᠤᠨ ᠵᠦᠪᠯᠡᠯᠭᠡ᠂ ᠰᠠᠨᠠᠭᠤᠯᠭ᠎ᠠ ᠵᠢᠴᠢ ᠤᠯᠤᠰ ᠲᠥᠷᠥ ᠶᠢᠨ ᠵᠦᠪᠯᠡᠯᠭᠡᠨ ᠤ | ᠬᠡᠰᠢᠭᠦᠳ ᠤᠨ ᠲᠤᠷᠠᠳᠤᠯᠭ᠎ᠠ ᠶᠢ ᠰᠢᠢᠳᠪᠤᠷᠢᠯᠡᠭᠦ ᠠᠵᠢᠯ ᠢ ᠦᠨᠡᠨᠬᠦ ᠰᠠᠶᠢᠳᠤᠷ ᠬᠢᠨ᠎ᠡ᠃ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠳᠠ ᠪᠠ ᠤᠯᠤᠰ ᠲᠥᠷᠥ ᠶᠢᠨ ᠵᠦᠪᠯᠡᠯᠭᠡᠨ ᠤ | ᠠᠷᠠᠳᠴᠢᠯᠠᠯ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ ᠬᠠᠤᠯᠢ ᠴᠠᠭᠠᠵᠠ᠂ ᠨᠡᠶᠢᠬᠡᠮ ᠨᠡᠶᠢᠳᠡ ᠪᠠ | ᠰᠤᠨᠢᠨ ᠮᠡᠳᠡᠭᠡᠨ ᠤ ᠶᠠᠷᠢᠶ᠎ᠠ ᠬᠡᠯᠡᠯᠴᠡᠭᠡᠨ ᠤ ᠬᠢᠨᠠᠯᠳᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠤ᠂ ᠵᠠᠰᠠᠭ | ᠵᠠᠬᠢᠷᠭᠠᠨ ᠤ ᠠᠵᠢᠯᠯᠠᠭ᠎ᠠ ᠪᠠᠨ ᠲᠦᠷᠢᠮᠵᠢᠬᠦᠯᠥᠨᠡ᠃ ᠱᠠᠳᠤ ᠲᠠᠪᠬᠤᠷᠭ᠎ᠠ ᠶᠢᠨ ᠬᠢᠨᠠᠯᠳᠠ ᠶᠢ ᠴᠢᠩᠭᠠᠳᠬᠠᠨ᠂ ᠬᠢᠨᠠᠨ | ᠪᠤᠳᠤᠬᠤ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠤᠨ ᠬᠠᠤᠯᠢ ᠶᠤᠰᠤᠭᠠᠷ ᠪᠡᠶ᠎ᠡ ᠪᠠᠨ ᠲᠠᠭᠠᠭᠠᠨ ᠬᠢᠨᠠᠯᠳᠠ | ᠲᠠᠯᠪᠢᠬᠤ ᠡᠷᠭᠡ ᠪᠠᠨ ᠬᠡᠷᠡᠭᠵᠢᠬᠦᠯᠬᠦ ᠶᠢ ᠪᠠᠳᠤᠯᠠᠬᠤ ᠪᠠ ᠲᠡᠮᠵᠢᠨ᠎ᠡ᠃ ᠵᠠᠰᠠᠭ ᠤᠨ ᠤᠷᠳᠤᠨ ᠤ ᠮᠡᠳᠡᠭᠡ ᠵᠠᠩᠬᠢ ᠶᠢ | ᠢᠯᠠ ᠪᠤᠯᠭᠠᠬᠤ ᠬᠦᠴᠦᠯᠡᠴᠡ ᠶᠢ ᠶᠡᠭᠡᠰᠭᠡᠨ᠂ ᠵᠠᠰᠠᠭ ᠵᠠᠬᠢᠷᠭᠠᠨ ᠤ ᠰᠢᠢᠳᠪᠤᠷᠢᠳᠤ ᠪᠤᠳᠤᠯᠭ᠎ᠠ᠂ ᠬᠡᠷᠡᠭᠵᠢᠭᠦᠯᠥᠯᠳᠡ᠂ | ᠬᠠᠮᠢᠶᠠᠷᠤᠯᠳᠠ᠂ ᠦᠢᠯᠡᠴᠢᠯᠡᠭᠡ ᠪᠠ ᠦᠷ᠎ᠡ ᠳ᠋ᠦᠩ ᠢ ᠨᠡᠶᠢᠳᠡᠯᠡᠬᠦ ᠶᠢ ᠶᠠᠪᠤᠭᠳᠠᠭᠤᠯᠵᠤ᠂ ᠨᠡᠶᠢᠭᠡᠮ ᠤᠨ ᠬᠢᠨᠠᠯᠳᠠ ᠶᠢ | ᠦᠷᠭᠡᠨ ᠢᠶᠠᠷ ᠬᠦᠯᠢᠶᠡᠨ᠎ᠡ᠃ ᠰᠤᠨᠢᠨ ᠮᠡᠳᠡᠭᠡᠨ ᠤ ᠦᠭᠦᠯᠡᠭᠴᠢ ᠶᠢᠨ ᠲᠦᠷᠢᠮ ᠢ ᠬᠡᠷᠡᠭᠵᠢᠬᠦᠯᠵᠤ᠂ ᠮᠡᠳᠡᠭᠡ ᠵᠠᠩᠬᠢ | ᠶᠢ ᠨᠡᠶᠢᠳᠡᠯᠡᠬᠦ ᠪᠠ ᠲᠦᠷᠤ ᠶᠢᠨ ᠪᠤᠳᠤᠯᠭ᠎ᠠ ᠶᠢ ᠲᠠᠶᠢᠯᠪᠤᠷᠢᠯᠠᠬᠤ ᠳᠤᠭᠳᠠᠴᠠ ᠶᠢ ᠪᠠᠶᠢᠭᠤᠯᠤᠨ ᠲᠠᠭᠦᠯᠳᠡᠷᠵᠢᠭᠦᠯᠵᠤ᠂ | ᠮᠡᠳᠡᠭᠡ ᠵᠠᠩᠬᠢ ᠨᠠᠶᠢᠳᠡᠯᠡᠬᠦ ᠪᠠ ᠰᠢᠨ᠎ᠡ ᠵᠠᠭᠤᠴᠢᠯᠠᠭᠤᠷ ᠤᠨ ᠭᠤᠤᠯ ᠵᠠᠮ ᠰᠤᠪᠠᠭ ᠤᠨ ᠦᠢᠯᠡᠳᠦᠯ ᠢ ᠬᠦᠢᠴᠡᠳ | ᠪᠠᠳᠠᠷᠠᠭᠤᠯᠤᠨ᠎ᠠ᠃ | ᠢᠯᠵᠢᠷᠡᠮᠠᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠡᠷᠴᠢᠮ ᠢᠶᠠᠨ ᠴᠢᠩᠭᠠᠷᠠᠭᠤᠯᠤᠨ᠎ᠠ᠃ ︽ᠭᠤᠷᠪᠠᠨ | ᠴᠢᠩᠭ᠎ᠠ ᠭᠤᠷᠪᠠᠨ ᠪᠤᠳᠠᠳᠠᠢ︾ ᠳᠤᠰᠬᠠᠢ ᠰᠡᠳᠦᠪᠳᠤ ᠬᠦᠮᠦᠵᠢᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠵᠤ | ᠦᠷᠨᠢᠬᠦᠯᠦᠨ᠂ ᠨᠠᠮ ᠤᠨ ᠤᠯᠠᠨ ᠲᠥᠮᠡᠨᠴᠢ ᠱᠤᠭᠤᠮ ᠤᠨ ᠬᠥᠮᠥᠵᠢᠯ ᠤᠶᠢᠯᠡᠳᠤᠯᠭᠡ ᠶᠢᠨ ᠠᠵᠢᠯᠯᠠᠭᠠᠨ ᠤ ᠦᠷ᠎ᠡ | ᠪᠦᠳᠦᠮᠵᠢ ᠶᠢ ᠪᠠᠬᠢᠵᠢᠬᠦᠯᠬᠦ ᠪᠠ ᠬᠦᠨᠵᠡᠬᠡᠶᠢᠷᠡᠬᠦᠯᠦᠨ᠎ᠡ᠃ ᠲᠦᠪ ᠤᠨ ︽ᠨᠠᠢᠮᠠᠨ ᠲᠤᠬᠳᠠᠭᠠᠯ︾᠂ ᠦᠪᠡᠷᠳᠡᠭᠡᠨ | ᠵᠠᠰᠠᠬᠤ ᠤᠷᠤᠨ ᠤ 28 ᠲᠤᠬᠳᠠᠭᠠᠯ ᠪᠠ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠵᠢᠴᠢ ᠬᠤᠰᠢᠭᠤᠨ ᠤ ᠨᠠᠮ ᠤᠨ | ᠬᠤᠷᠢᠶᠠᠨ ᠤ ᠲᠦᠬᠦᠷᠵᠢᠬᠦᠯᠦᠭᠰᠡᠨ ᠲᠤᠭᠳᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠳᠠᠯ︾ | ᠲᠠᠬᠢᠨ ᠰᠡᠷᠭᠦᠭᠦ ᠠᠴᠠ ᠴᠢᠩᠭ᠎ᠠ ᠰᠡᠷᠭᠡᠶᠢᠯᠡᠨ᠎ᠡ᠃ ᠰᠠᠶᠢᠳᠤᠷ ᠭᠠᠮᠨᠠᠨ ᠠᠷᠪᠢᠯᠠᠵᠤ ᠪᠦᠷᠢᠯᠬᠡᠨ ᠰᠦᠢᠳᠭᠡᠭᠦ ᠶᠢ | ᠡᠰᠡᠷᠭᠦᠴᠡᠬᠦ ᠲᠦᠷᠢᠮ ᠲᠤᠭᠳᠠᠯᠴᠠᠭ᠎ᠠ ᠶᠢ ᠲᠡᠭᠦᠯᠳᠡᠷᠵᠢᠭᠦᠯᠵᠤ᠂ ᠡᠩ ᠤᠨ ᠵᠠᠷᠤᠳᠠᠯ ᠢ ᠡᠷᠡᠰ ᠲᠠᠰᠤ ᠬᠢᠵᠠᠭᠠᠷᠯᠠᠨ᠂ | ︽ᠭᠤᠷᠪᠠᠨ ᠠᠯᠪᠠᠨ ᠤ ᠵᠠᠷᠤᠳᠠᠯ︾ ᠬᠠᠰᠤᠭᠳᠠᠬᠤ ᠠᠴᠠ ᠪᠢᠰᠢ ᠨᠡᠮᠡᠭᠳᠡᠬᠦ ᠥᠬᠡᠢ ᠪᠠᠶᠢᠬᠤ ᠶᠢ ᠪᠠᠳᠤᠯᠠᠨ᠎ᠠ᠃ ᠨᠡᠮ | ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠲᠥᠷᠢᠮ ᠤᠨ ᠨᠠᠶᠢᠳᠠᠪᠤᠷᠢᠵᠢᠭᠤᠯᠤᠯᠳᠠ | ᠶᠢ ᠬᠦᠨᠵᠡᠬᠡᠶᠢᠷᠡᠬᠦᠯᠵᠤ᠂ ᠢᠯᠵᠢᠷᠡᠮᠡᠯ ᠢ ᠵᠠᠯᠬᠠᠭᠠᠬᠤ ᠪᠠ ᠰᠡᠷᠭᠡᠶᠢᠯᠡᠬᠦ ᠰᠢᠰᠲ᠋ᠧᠮ ᠤᠨ ᠪᠠᠶᠢᠭᠤᠯᠤᠯᠳᠠ ᠶᠢ | ᠴᠢᠩᠭᠠᠳᠬᠠᠵᠤ᠂ ︽ᠰᠢᠨᠵᠢᠯᠡᠭᠡ ᠮᠡᠷᠭᠡᠵᠢᠯ + ᠲᠦᠷᠢᠮ︾ ᠤᠨ ᠠᠶᠣᠯ ᠲᠥᠭᠰᠢᠭᠦᠷᠢ ᠶᠢ ᠰᠡᠷᠭᠡᠶᠢᠯᠡᠨ ᠡᠵᠡᠮᠰᠢᠭᠦ | ᠲᠤᠭᠳᠠᠴᠠ ᠶᠢ ᠪᠠᠬᠢᠵᠢᠭᠦᠯᠥᠨ ᠴᠢᠩᠭᠠᠷᠠᠭᠤᠯᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠶᠢᠨ ︽ | ᠨᠢᠭᠡ ᠪᠠᠶᠢᠷᠢ ᠬᠤᠶᠠᠷ ᠬᠠᠷᠢᠭᠤᠴᠠᠯᠭ᠎ᠠ︾ ᠶᠢ ᠡᠷᠡᠰ ᠴᠢᠩᠭ᠎ᠠ ᠨᠠᠶᠢᠳᠠᠪᠤᠷᠢᠵᠢᠭᠤᠯᠤᠨ᠎ᠠ᠃ ᠢᠯᠵᠢᠷᠡᠮᠡᠯ ᠢ | ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠬᠦ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠂ ᠵᠠᠰᠠᠭ ᠤᠨ | ᠤᠷᠳᠤᠨ ᠤ ᠰᠢᠰᠲ᠋ᠧᠮ ᠤᠨ ᠴᠢᠭᠡᠴᠢ ᠵᠠᠰᠠᠭ ᠤᠨ ᠲᠥᠭᠰᠢᠭᠦᠷᠢ ᠶᠢ ᠰᠡᠷᠭᠡᠶᠢᠯᠡᠨ ᠡᠵᠡᠮᠳᠡᠬᠦ ᠳᠤᠭᠳᠠᠴᠠ ᠶᠢ | ᠲᠡᠭᠦᠯᠳᠡᠷᠵᠢᠭᠦᠯᠵᠤ᠂ ᠡᠷᠭᠡ ᠶᠢᠨ ᠠᠵᠢᠯᠯᠠᠭᠠᠨ ᠳᠤ ᠬᠢᠨᠠᠯᠳᠠ ᠲᠠᠯᠪᠢᠬᠤ᠂ ᠬᠢᠵᠠᠭᠠᠷᠯᠠᠬᠤ ᠪᠠ ᠬᠠᠷᠢᠭᠤᠴᠠᠯᠭ᠎ᠠ | ᠨᠡᠬᠡᠮᠵᠢᠯᠡᠬᠦ ᠶᠢ ᠴᠢᠩᠭᠠᠳᠬᠠᠨ᠂ ᠠᠷᠠᠳ ᠤᠨ ᠳᠦᠯᠦᠬᠡ ᠪᠤᠳᠠᠳᠠᠢ ᠶᠢ ᠡᠷᠬᠢᠮᠯᠡᠬᠦ ᠠᠷᠢᠭᠤᠨ ᠴᠢᠭᠡᠴᠢ ᠪᠠᠶᠢᠬᠤ ᠶᠢ | ᠦᠨᠡᠨᠬᠦ ᠪᠡᠶᠡᠯᠡᠬᠦᠯᠦᠨ᠎ᠡ᠃ | ᠳᠦᠯᠦᠬᠡᠯᠡᠭᠴᠢᠳ ᠡ᠂ ᠦᠷᠢᠰᠤᠯᠳᠤᠭᠡᠨ ᠤ ᠲᠤᠮᠳᠠ ᠡᠷᠡᠯᠬᠡᠭ ᠨᠢ ᠢᠯᠡᠨ᠎ᠡ᠃ 2015 ᠤᠨ ᠤ ᠠᠵᠢᠯ ᠢ | ᠰᠠᠶᠢᠳᠤᠷ ᠬᠢᠵᠤ᠂ ︽ᠠᠷᠪᠠᠨ ᠬᠤᠶᠠᠳᠣᠭᠠᠷ ᠲᠠᠪᠣᠨ ᠵᠢᠯ︾ ᠤᠨ ᠲᠦᠯᠦᠪᠵᠢᠭᠦᠯᠭᠡ ᠳᠤ ᠲᠤᠭᠳᠠᠭᠠᠭᠰᠠᠨ ᠡᠯ᠎ᠡ | ᠳᠦᠷᠦᠯ ᠤᠨ ᠬᠠᠷᠠᠯᠳᠠ ᠶᠢ ᠪᠦᠭᠦ ᠲᠠᠯ᠎ᠠ ᠪᠠᠷ ᠪᠡᠶᠡᠯᠡᠭᠦᠯᠬᠦ ᠳᠤ ᠡᠭᠦᠷᠭᠡ ᠬᠦᠨᠳᠤ᠂ ᠬᠠᠷᠢᠭᠤᠴᠠᠯᠭ᠎ᠠ ᠶᠡᠭᠡ ᠪᠠᠶᠢᠭ᠎ᠠ | ᠶᠤᠮ᠃ ᠪᠢᠳᠠ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠲᠤᠤᠷ᠎ᠠ᠂ ᠪᠦᠭᠦ ᠬᠤᠰᠢᠭᠤᠨ ᠤ ᠦᠨᠳᠦᠰᠦᠳᠠᠨ ᠨᠦᠭᠦᠳ ᠤᠨ ᠠᠷᠠᠳ ᠲᠥᠮᠡᠨ ᠢ ᠨᠢᠭᠳᠠ | ᠲᠦᠰᠢᠨ ᠪᠦᠯᠬᠦᠮᠳᠡᠬᠦᠯᠵᠤ᠂ ᠰᠢᠨ᠎ᠡ ᠬᠡᠪ ᠤᠨ ᠪᠠᠶᠢᠳᠠᠯ ᠲᠠᠢ ᠵᠤᠬᠢᠴᠠᠨ᠂ ᠰᠢᠨ᠎ᠡ ᠠᠵᠠ ᠲᠤᠬᠢᠶᠠᠯ ᠢ ᠠᠳᠬᠤᠵᠤ᠂ | ᠰᠠᠬᠢᠨ ᠪᠠᠷᠠᠯᠠᠵᠣ ᠬᠠᠷᠢᠯᠴᠠᠨ ᠬᠠᠪᠰᠤᠷᠤᠯᠴᠠᠵᠤ᠂ ᠤᠷᠤᠭᠰᠢ ᠲᠠᠪᠰᠢᠬᠤ ᠪᠠᠷ ᠵᠢᠳᠬᠦᠨ ᠴᠢᠷᠮᠠᠶᠢᠵᠤ᠂ ᠮᠠᠨ ᠤ | ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠶᠢᠨ ᠰᠢᠨ᠎ᠡ ᠬᠠᠭᠤᠳᠠᠰᠤ ᠶᠢ ᠪᠢᠴᠢᠭᠯᠡᠵᠤ᠂ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠶᠢᠨ ᠳᠦᠯᠦᠬᠡ ᠴᠢᠷᠮᠠᠶᠢᠨ ᠲᠡᠮᠡᠴᠡᠰᠤᠬᠡᠢ ︕ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ | |