| | ᠲᠤᠰᠬᠠᠢ ᠨᠠᠷ᠎ᠡ ᠲᠤᠮᠢᠶ᠎ᠠ ᠪᠠ ᠲᠤᠪᠴᠢᠯᠠᠭᠰᠠᠨ ᠪᠢᠴᠢᠯᠭᠡ ᠶᠢᠨ ᠲᠠᠶᠢᠯᠪᠤᠷᠢ | ⒈ᠡᠩ ᠤᠨ ᠨᠡᠶᠢᠳᠡ ᠶᠢᠨ ᠡᠳ᠋ ᠤᠨ ᠵᠠᠰᠠᠭ ᠤᠨ ᠲᠥᠰᠦᠪ ᠤᠨ ᠤᠷᠤᠯᠭ᠎ᠠ᠄ ᠡᠳ᠋ ᠤᠨ ᠵᠠᠰᠠᠭ ᠤᠨ ᠶᠡᠷᠦᠩᠬᠡᠢ | ᠤᠷᠤᠯᠭ᠎ᠠ ᠠᠴᠠ ᠲᠥᠪ᠂ ᠥᠪᠡᠷᠳᠡᠬᠡᠨ ᠵᠠᠰᠠᠬᠤ ᠤᠷᠤᠨ᠂ ᠠᠶᠢᠮᠠᠭ ᠤᠨ ᠳᠡᠰ ᠤᠨ ᠤᠷᠤᠯᠭ᠎ᠠ ᠶᠢ ᠬᠠᠰᠤᠭᠰᠠᠨ ᠤ | ᠳᠠᠷᠠᠭ᠎ᠠ ᠬᠤᠰᠢᠭᠤᠨ ᠤ ᠳᠡᠰ ᠲᠤ ᠥᠯᠡᠳᠡᠭᠰᠡᠨ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠃ ᠮᠥᠨᠴᠤ ᠤᠷᠤᠨ | ᠨᠤᠳᠤᠭ ᠤᠨ ᠬᠡᠷᠡᠭᠯᠡᠵᠤ ᠪᠤᠯᠬᠤᠢᠢᠴᠠ ᠡᠳ᠋ ᠤᠨ ᠵᠠᠰᠠᠭ ᠤᠨ ᠤᠷᠤᠯᠭ᠎ᠠ ᠪᠤᠯᠤᠨ᠎ᠠ᠃ ᠳᠡᠷᠡ ᠨᠢ ᠭᠠᠶᠢᠯᠢ ᠶᠢᠨ | ᠤᠷᠤᠯᠭ᠎ᠠ ᠪᠠ ᠭᠠᠶᠢᠯᠢ ᠶᠢᠨ ᠪᠤᠰᠤ ᠤᠷᠤᠯᠭ᠎ᠠ ᠠᠴᠠ ᠪᠥᠷᠢᠯᠳᠤᠳᠡᠭ᠃ | ⒉ ︽ ᠭᠤᠷᠪᠠ ᠭᠤᠷᠪᠠ ᠶᠢᠨ ᠳᠦᠷᠢᠮ︾ ᠤᠨ ᠳᠠᠷᠢᠬᠤ ᠬᠡᠯᠪᠡᠷᠢ᠄ 2014 ᠤᠨ ᠳᠤ᠂ ᠤᠰᠤ ᠠᠷᠪᠢᠯᠠᠨ ᠦᠷ᠎ᠡ | ᠠᠰᠢᠭ ᠢ ᠨᠡᠮᠡᠭᠳᠡᠭᠦᠯᠬᠦ ᠪᠠᠷ ᠬᠠᠷᠠᠯᠳᠠ ᠪᠤᠯᠭᠠᠨ᠂ ᠪᠠᠷᠠᠭᠤᠨ ᠪᠡᠯ ᠪᠠᠯᠭᠠᠰᠤ ᠶᠢᠨ ᠬᠤᠳᠳᠤᠭ ᠢᠶᠠᠷ ᠤᠰᠤᠯᠠᠬᠤ | ᠤᠷᠤᠨ ᠳᠤ ︽ ᠭᠤᠷᠪᠠ ᠭᠤᠷᠪᠠ ᠶᠢᠨ ᠳᠦᠷᠢᠮ︾ ᠤᠨ ᠲᠤᠷᠰᠢᠯᠳᠠ ᠶᠢᠨ ᠵᠢᠱᠢᠶ᠎ᠡ ᠥᠵᠡᠭᠦᠯᠬᠦ ᠠᠵᠢᠯ ᠢ | ᠶᠠᠪᠤᠭᠳᠠᠭᠤᠯᠵᠤ᠂ 3 ᠡᠷᠦᠬᠡ ᠲᠠᠷᠢᠶᠠᠴᠢᠨ ᠢ ᠰᠤᠩᠭᠤᠨ᠂ ᠡᠷᠦᠭᠡ ᠪᠦᠷᠢ 15 ᠮᠤ᠋ ᠵᠠᠯᠭᠠᠯᠳᠤᠭᠰᠠᠨ ᠳᠠᠷᠢᠶᠠᠨ | ᠭᠠᠵᠠᠷ ᠬᠠᠩᠭᠠᠵᠤ᠂ ᠲᠡᠭᠦᠨ ᠤ ᠲᠤᠳᠤᠷ᠎ᠠ ᠡᠷᠳᠡᠨᠢ ᠰᠢᠰᠢ 5 ᠮᠤ᠋᠂ ᠬᠦᠮᠡᠯᠢ 5 ᠮᠤ᠋᠂ ᠪᠡᠯᠴᠢᠭᠡᠷ ᠤᠨ ᠡᠪᠡᠰᠤ 5 | ᠮᠤ᠋ ᠲᠠᠷᠢᠵᠤ᠂ ᠤᠰᠤ ᠠᠷᠪᠢᠯᠠᠨ ᠦᠷ᠎ᠡ ᠠᠰᠢᠭ ᠢ ᠲᠡᠭᠡᠭᠰᠢᠯᠡᠭᠦᠯᠬᠦ ᠲᠤᠷᠰᠢᠯᠳᠠ ᠶᠢ ᠶᠠᠪᠤᠭᠳᠠᠭᠤᠯᠤᠨ᠂ ᠨᠢᠭᠡᠳᠤᠯᠳᠠᠢ | ᠲᠠᠷᠢᠶᠠᠨ ᠤ ᠠᠷᠠᠴᠢᠯᠠᠭ᠎ᠠ ᠪᠠᠷ ᠲᠠᠮᠵᠢᠨ᠂ ᠡᠷᠳᠡᠨᠢ ᠰᠢᠰᠢ᠂ ᠬᠦᠮᠡᠯᠢ᠂ ᠳᠡᠵᠢᠬᠡᠯ ᠡᠪᠡᠰᠦᠨ ᠤ ᠵᠢᠯ ᠪᠦᠷᠢ ᠶᠢᠨ | ᠲᠠᠷᠢᠵᠤ ᠤᠷᠭᠤᠭᠤᠯᠬᠤ ᠦᠪᠡᠷ ᠤᠨ ᠥᠷᠳᠡᠭ ᠵᠢᠴᠢ ᠠᠰᠢᠭ ᠤᠷᠤᠯᠭ᠎ᠠ ᠶᠢ ᠬᠠᠷᠢᠴᠠᠭᠤᠯᠤᠨ᠂ ᠲᠠᠷᠢᠶᠠᠴᠢᠨ ᠤ | ᠤᠨᠠᠯᠳᠠ ᠤᠷᠤᠯᠭ᠎ᠠ ᠪᠠᠨ ᠨᠡᠮᠡᠭᠳᠡᠬᠦᠯᠵᠤ ᠴᠢᠳᠠᠬᠤ ᠪᠠᠷ ᠪᠠᠷᠠᠬᠤ ᠥᠬᠡᠢ᠂ ᠤᠰᠤ ᠠᠷᠪᠢᠯᠠᠬᠤ ᠦᠷ᠎ᠡ ᠪᠦᠳᠤᠮᠵᠢᠳᠠᠢ | ︽ᠭᠤᠷᠪᠠ ᠭᠤᠷᠪᠠ ᠶᠢᠨ ᠳᠦᠷᠢᠮ︾ ᠤᠨ ᠲᠠᠷᠢᠮᠠᠯ ᠤᠨ ᠪᠥᠳᠤᠴᠡ ᠶᠢ ᠰᠦᠪᠡᠭᠴᠢᠯᠡᠵᠤ᠂ ᠲᠡᠭᠦᠨᠴᠢᠯᠡᠨ ᠲᠠᠷᠢᠮᠠᠯ | ᠢᠶᠠᠷ ᠮᠠᠯᠵᠢᠯ ᠢ ᠠᠬᠢᠭᠤᠯᠵᠤ᠂ ᠲᠠᠷᠢᠬᠤ ᠲᠡᠵᠢᠭᠡᠭᠦ ᠶᠢ ᠤᠶᠠᠯᠳᠤᠭᠤᠯᠤᠭᠰᠠᠨ ᠦᠷᠭᠦᠯᠵᠢᠯᠠᠬᠦᠶᠢᠴᠡ ᠬᠦᠭᠵᠢᠯᠳᠡ ᠶᠢ | ᠲᠦᠯᠬᠢᠨ ᠠᠬᠢᠭᠤᠯᠤᠨ᠎ᠠ᠃ | ⒊ᠲᠦᠷᠪᠡᠨ ᠤᠯᠠᠭᠠᠨ ᠱᠤᠭᠤᠮ᠄ ︽ᠲᠤᠭᠳᠠᠭᠤᠨ ᠢ ᠬᠠᠮᠠᠭᠠᠯᠠᠬᠤ᠂ ᠠᠶᠤᠯᠬᠦᠢ ᠥᠢᠯᠡᠳᠪᠤᠷᠢᠯᠡᠯ᠂ ᠠᠮᠢ ᠠᠬᠤᠢ | ᠶᠢᠨ ᠤᠷᠴᠢᠨ ᠢ ᠬᠠᠮᠠᠭᠠᠯᠠᠬᠤ᠂ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ︾ ᠲᠦᠷᠪᠡᠨ ᠤᠯᠠᠭᠠᠨ ᠱᠤᠭᠤᠮ ᠢ | ᠵᠢᠭᠠᠨ᠎ᠠ᠃ | ⒋ᠲᠦᠷᠪᠡᠨ ᠰᠤᠷᠳᠠᠯ᠄ ᠬᠡᠯᠪᠡᠷᠢᠴᠢ ᠦᠵᠡᠯ᠂ ᠨᠤᠶᠠᠨᠴᠢ ᠰᠤᠷᠳᠠᠯ᠂ ᠵᠢᠷᠭᠠᠨ ᠴᠡᠩᠬᠡᠬᠦ ᠦᠵᠡᠯ ᠪᠤᠯᠤᠨ ᠪᠦᠷᠢᠯᠬᠡᠨ | ᠰᠦᠢᠳᠬᠡᠬᠦ ᠰᠤᠷᠳᠠᠯ ᠢ ᠵᠢᠭᠠᠨ᠎ᠠ᠃ | ⒌ ᠭᠤᠷᠪᠠᠨ ᠠᠯᠪᠠᠨ ᠤ ᠵᠠᠷᠤᠳᠠᠯ᠄ ᠠᠯᠪᠠᠨ ᠤ ᠶᠠᠪᠤᠳᠠᠯ ᠢᠶᠠᠷ ᠭᠠᠳᠠᠭᠠᠳᠤ ︵ᠬᠢᠯᠢ︶ ᠳᠤ ᠭᠠᠷᠬᠤ ᠵᠠᠷᠤᠳᠠᠯ᠂ | ᠠᠯᠪᠠᠨ ᠳᠤ ᠬᠡᠷᠡᠭᠯᠡᠬᠦ ᠲᠡᠷᠬᠡ ᠬᠤᠳᠠᠯᠳᠤᠨ ᠠᠪᠬᠤ ᠵᠢᠴᠢ ᠰᠡᠯᠪᠢᠨ ᠵᠠᠰᠠᠬᠤ ᠵᠠᠷᠤᠳᠠᠯ᠂ ᠠᠯᠪᠠᠨ ᠵᠤᠴᠢᠯᠠᠭ᠎ᠠ ᠶᠢᠨ | ᠵᠠᠷᠤᠳᠠᠯ ᠢ ᠵᠢᠭᠠᠨ᠎ᠠ᠃ | ⒍ ᠠᠵᠢᠯ ᠦᠢᠯᠡᠰ ᠤᠨ ᠨᠢᠬᠡᠴᠡ ᠶᠢᠨ ᠲᠦᠷᠦᠯ ᠬᠤᠪᠢᠶᠠᠭᠰᠠᠨ ᠦᠬᠡᠷᠡᠴᠢᠯᠡᠯᠳᠡ᠄ ᠤᠳᠤ ᠶᠢᠨ ᠪᠠᠶᠢᠭ᠎ᠠ ᠠᠵᠢᠯ | ᠦᠢᠯᠡᠰ ᠤᠨ ᠨᠢᠬᠡᠴᠡ ᠶᠢ ᠨᠡᠶᠢᠬᠡᠮ ᠤᠨ ᠡᠬᠦᠷᠬᠡ ᠴᠢᠳᠠᠪᠬᠢ ᠪᠠᠷ ᠨᠢ ᠵᠠᠰᠠᠭ ᠵᠠᠬᠢᠷᠭᠠᠨ ᠤ ᠡᠬᠦᠷᠬᠡ ᠴᠢᠳᠠᠪᠬᠢ ᠶᠢ | ᠡᠬᠦᠷᠬᠡᠯᠡᠬᠦ᠂ ᠦᠢᠯᠡᠳᠪᠦᠷᠢᠯᠡᠯ ᠡᠵᠡᠩᠨᠡᠯᠳᠡ ᠬᠢᠬᠦ ᠪᠤᠯᠤᠨ ᠨᠡᠶᠢᠳᠡ ᠶᠢᠨ ᠠᠰᠠᠷᠠᠮᠵᠢ ᠶᠢᠨ ᠦᠢᠯᠡᠴᠢᠯᠡᠭᠡ ᠡᠷᠬᠢᠯᠡᠬᠦ | ᠬᠡᠵᠦ ᠭᠤᠷᠪᠠᠨ ᠲᠦᠷᠦᠯ ᠳᠤ ᠬᠤᠪᠢᠶᠠᠨ᠎ᠠ᠃ ᠵᠠᠰᠠᠭ ᠵᠠᠬᠢᠷᠭᠠᠨ ᠤ ᠡᠬᠦᠷᠬᠡ ᠴᠢᠳᠠᠪᠬᠢ ᠶᠢ ᠡᠬᠦᠷᠬᠡᠯᠡᠵᠦ ᠪᠠᠶᠢᠭ᠎ᠠ | ᠶᠢ ᠨᠢ ᠤᠯᠠᠮ ᠢᠶᠠᠷ ᠵᠠᠰᠠᠭ ᠵᠠᠬᠢᠷᠭᠠᠨ ᠤ ᠴᠢᠳᠠᠪᠬᠢ ᠶᠢ ᠨᠢ ᠵᠠᠰᠠᠭ ᠵᠠᠬᠢᠷᠭᠠᠨ ᠤ ᠪᠠᠶᠢᠭᠤᠯᠤᠮᠵᠢ ᠳᠤ | ᠬᠤᠪᠢᠷᠠᠭᠤᠯᠬᠤ ᠪᠤᠶᠤ ᠤᠷᠤᠭᠤᠯᠤᠨ᠎ᠠ᠃ ᠦᠢᠯᠡᠳᠪᠦᠷᠢᠯᠡᠯ ᠡᠵᠡᠩᠨᠡᠯᠳᠡ ᠬᠢᠵᠦ ᠪᠠᠶᠢᠭ᠎ᠠ ᠶᠢ ᠨᠢ ᠤᠯᠠᠮ ᠢᠶᠠᠷ ᠠᠵᠤ | ᠠᠬᠤᠶᠢᠯᠠᠯ ᠪᠤᠯᠭᠠᠨ ᠬᠤᠪᠢᠷᠠᠭᠤᠯᠤᠨ᠎ᠠ︔ ᠨᠡᠶᠢᠳᠡ ᠶᠢᠨ ᠠᠰᠠᠷᠠᠮᠵᠢ ᠦᠢᠯᠡᠴᠢᠯᠡᠭᠡ ᠡᠷᠬᠢᠯᠡᠵᠦ ᠪᠠᠶᠢᠭ᠎ᠠ ᠶᠢ ᠨᠢ | ᠦᠷᠬᠦᠯᠵᠢᠯᠡᠨ ᠠᠵᠢᠯ ᠦᠢᠯᠡᠰ ᠤᠨ ᠨᠢᠬᠡᠴᠡ ᠶᠢᠨ ᠲᠠᠷᠠᠭᠠᠯᠠᠯ ᠳᠤ ᠦᠯᠡᠳᠡᠬᠡᠵᠦ᠂ ᠨᠡᠶᠢᠳᠡ ᠶᠢᠨ ᠠᠰᠠᠷᠠᠮᠵᠢ | ᠶᠢᠨ ᠴᠢᠨᠠᠷ ᠢ ᠴᠢᠩᠭᠠᠷᠠᠭᠤᠯᠤᠨ᠎ᠠ᠃ | ⒎︽ᠭᠤᠷᠪᠠ ᠶᠢ ᠬᠦᠳᠡᠭᠡ ᠲᠣᠰᠬᠤᠨ ᠪᠠ ᠡᠷᠤᠭᠡ ᠳᠤ ᠬᠥᠷᠭᠡᠬᠦ︾ ᠬᠠᠪᠰᠣᠷᠣᠨ ᠳᠡᠳᠬᠦᠬᠦ ᠠᠵᠢᠯ᠄ ᠥᠪᠡᠷᠳᠡᠭᠡᠨ | ᠵᠠᠰᠠᠬᠤ ᠤᠷᠤᠨ ᠠᠴᠠ᠂ 2014 ᠤᠨ ᠠᠴᠠ 2017 ᠤᠨ ᠬᠦᠷᠳᠡᠯ᠎ᠡ᠂ ᠪᠦᠭᠦ ᠤᠷᠤᠨ ᠤ 2834 ᠶᠠᠳᠠᠭᠤ | ᠬᠦᠴᠢᠷᠳᠡᠯ ᠲᠠᠢ ᠭᠠᠴᠠᠭ᠎ᠠ ᠲᠤᠰᠬᠤᠨ ᠳᠤ ︽ᠲᠦᠯᠦᠪᠵᠢᠭᠦᠯᠬᠡ ᠶᠢ ᠲᠤᠰᠬᠤᠨ ᠡᠷᠦᠭᠡ ᠳᠤ ᠬᠦᠷᠭᠡᠭᠦ᠂ ᠲᠦᠷᠦᠯ | ᠵᠦᠢᠯ ᠢ ᠲᠤᠰᠬᠤᠨ ᠡᠷᠦᠭᠡ ᠳᠤ ᠬᠦᠷᠭᠡᠬᠦ᠂ ᠺᠠᠳ᠋ᠷᠴᠤᠳ ᠢ ᠲᠤᠰᠬᠤᠨ ᠡᠷᠦᠭᠡ ᠳᠤ ᠬᠦᠷᠭᠡᠭᠦ︾ ᠬᠠᠪᠰᠣᠷᠣᠨ | ᠳᠡᠳᠬᠦᠬᠦ ᠠᠵᠢᠯ ᠢ ᠦᠷᠨᠢᠬᠦᠯᠦᠨ᠎ᠡ ᠬᠡᠵᠤ ᠲᠤᠷᠠᠳᠴᠡᠢ᠃ | ⒏ ᠮᠦᠩᠭᠦᠨ ᠬᠦᠢᠯᠬᠡᠬᠡ ᠪᠠᠷ ᠶᠠᠳᠠᠭᠤ ᠶᠢ ᠲᠡᠳᠭᠦᠨ ᠠᠷᠠᠳ ᠢᠶᠠᠨ ᠪᠠᠶᠠᠵᠢᠭᠤᠯᠬᠤ ᠢᠨᠵᠧᠨᠧᠷᠢᠩ᠄ ᠦᠪᠡᠷᠳᠡᠬᠡᠨ | ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽8337︾ ᠬᠦᠭᠵᠢᠯᠳᠡ ᠶᠢᠨ ᠰᠡᠳᠬᠢᠴᠡ ᠶᠢ | ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠶᠠᠳᠠᠭᠤ ᠶᠢ ᠳᠡᠳᠬᠦᠨ | ᠰᠢᠪᠳᠤᠯᠤᠯᠳᠠ ᠬᠢᠬᠦ ᠢᠨᠵᠧᠨᠧᠷᠢᠩ ᠢ ᠪᠦᠬᠦ ᠳᠠᠯ᠎ᠠ ᠪᠠᠷ ᠳᠦᠯᠬᠢᠨ ᠠᠬᠢᠭᠤᠯᠬᠤ ᠶᠢᠨ ᠳᠤᠰᠠᠳᠠ᠂ ᠦᠪᠡᠷᠳᠡᠬᠡᠨ | ᠵᠠᠰᠠᠬᠤ ᠤᠷᠤᠨ ᠢᠶᠠᠷ ᠵᠦᠪᠰᠢᠶᠡᠷᠡᠬᠦᠯᠵᠤ ᠬᠡᠷᠡᠭᠵᠢᠬᠦᠯᠦᠭᠰᠡᠨ ᠨᠢᠬᠡ ᠳᠦᠷᠦᠯ ᠤᠨ ᠴᠢᠬᠤᠯᠠ ᠠᠷᠭ᠎ᠠ ᠪᠠᠷᠢᠯ ᠪᠤᠯᠤᠨ᠎ᠠ᠃ | ᠶᠠᠳᠠᠭᠤ ᠶᠢ ᠳᠡᠳᠬᠦᠨ ᠪᠡᠯᠡ ᠮᠦᠩᠬᠦᠨ ᠤ ︽ᠪᠠᠭ᠎ᠠ ᠪᠠᠷ ᠳᠤᠮᠤ ᠶᠢ ᠬᠦᠰᠢᠬᠦᠷᠳᠡᠬᠦ︾ ᠦᠢᠯᠡᠳᠦᠯ ᠢ ᠪᠠᠳᠠᠷᠠᠭᠤᠯᠬᠤ | ᠪᠠᠷ ᠳᠡᠮᠵᠢᠨ᠂ ᠮᠦᠩᠬᠦᠨ ᠬᠦᠢᠯᠬᠡᠬᠡᠨ ᠤ ᠪᠡᠯᠡ ᠮᠦᠩᠬᠦ ᠪᠠᠷ ᠶᠠᠳᠠᠭᠤ ᠶᠢ ᠳᠡᠳᠬᠦᠬᠦ ᠳᠤ ᠬᠡᠷᠡᠭᠯᠡᠬᠦᠯᠵᠤ᠂ ᠶᠠᠳᠠᠭᠤ | ᠬᠦᠴᠢᠷᠳᠡᠯᠳᠡᠢ ᠮᠠᠯᠴᠢᠨ ᠳᠠᠷᠢᠶᠠᠴᠢᠨ ᠤ ᠪᠠᠳᠤᠯᠠᠭ᠎ᠠ ᠬᠢᠬᠦ ᠳᠤ ᠬᠦᠴᠢᠷ᠂ ᠵᠢᠬᠡᠯᠡᠯᠬᠡ ᠬᠢᠬᠦ ᠳᠤ ᠬᠦᠴᠢᠷ | ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠨ᠂ ᠶᠠᠳᠠᠭᠤ ᠬᠦᠴᠢᠷᠳᠡᠯᠳᠡᠢ ᠮᠠᠯᠴᠢᠨ ᠳᠠᠷᠢᠶᠠᠴᠢᠨ ᠤ ᠦᠪᠡᠷᠳᠡᠬᠡᠨ | ᠬᠦᠭᠵᠢᠬᠦ ᠴᠢᠳᠠᠪᠤᠷᠢ ᠶᠢ ᠬᠦᠮᠦᠵᠢᠬᠦᠯᠦᠨ᠂ ᠤᠷᠤᠯᠭ᠎ᠠ ᠶᠢ ᠨᠡᠮᠡᠭᠳᠡᠬᠦᠯᠵᠤ᠂ ᠡᠬᠦᠨ ᠤ ᠤᠯᠠᠮ ᠠᠴᠠ ᠶᠠᠳᠠᠭᠤ ᠠᠴᠠ | ᠠᠩᠬᠢᠵᠢᠷᠠᠭᠤᠯᠤᠨ ᠪᠠᠶᠠᠵᠢᠭᠤᠯᠤᠨ᠎ᠠ᠃ | ⒐《 ᠠᠷᠪᠠ ᠶᠢ ᠨᠡᠶᠢᠳᠡᠮ ᠬᠠᠮᠦᠷᠬᠤ》᠄ 2014 ᠤᠨ ᠠᠴᠠ ᠡᠬᠢᠯᠡᠵᠦ᠂ ᠦᠪᠡᠷᠳᠡᠬᠡᠨ ᠵᠠᠰᠠᠬᠤ ᠤᠷᠤᠨ 3 ᠵᠢᠯ | ᠤᠨ ᠬᠤᠭᠤᠴᠠᠭ᠎ᠠ ᠵᠠᠷᠤᠴᠠᠭᠤᠯᠤᠨ ᠪᠦᠬᠦ ᠤᠷᠤᠨ ᠤ ᠬᠦᠳᠡᠭᠡ ᠲᠤᠰᠬᠤᠨ ᠮᠠᠯᠵᠢᠬᠤ ᠤᠷᠤᠨ ᠤ ᠨᠤᠷᠠᠬᠤ ᠠᠶᠤᠯᠳᠠᠢ | ᠬᠡᠷ ᠪᠠᠶᠢᠰᠢᠩ ᠤᠨ ᠵᠠᠰᠠᠨ ᠦᠬᠡᠷᠡᠴᠢᠯᠡᠯᠳᠡ᠂ ᠠᠮᠤᠷ ᠲᠦᠪᠰᠢᠨᠤᠤᠭᠤᠬᠤ ᠤᠰᠤ᠂ ᠭᠠᠴᠠᠭ᠎ᠠ ᠲᠤᠰᠬᠤᠨ ᠤ ᠵᠡᠬᠡᠯᠢ | ᠭᠤᠳᠤᠮᠵᠢ ᠶᠢᠨ ᠬᠠᠳᠠᠭᠤᠷᠠᠭᠤᠯᠤᠯᠳᠠ᠂ ᠭᠠᠴᠠᠭ᠎ᠠ ᠲᠤᠰᠬᠤᠨ ᠪᠤᠯᠭᠠᠨ ᠳᠤ ᠴᠠᠬᠢᠯᠭᠠᠨ ᠨᠡᠪᠳᠡᠷᠡᠬᠦᠯᠬᠦ᠂ ᠭᠠᠴᠠᠭ᠎ᠠ | ᠲᠤᠰᠬᠤᠨ ᠪᠤᠯᠭᠠᠨ ᠳᠤ ᠷᠠᠳᠢᠤ᠋ ᠲᠧᠯᠸᠢᠰ ᠪᠤᠯᠤᠨ ᠴᠢᠮᠡᠭᠡ ᠬᠤᠯᠪᠤᠭ᠎ᠠ ᠶᠢ ᠨᠡᠪᠳᠡᠷᠡᠬᠦᠯᠬᠦ᠂ ᠰᠤᠷᠭᠠᠭᠤᠯᠢ ᠶᠢᠨ | ᠪᠠᠶᠢᠷᠢ ᠶᠢᠨ ᠠᠰᠠᠷ ᠤᠨ ᠪᠦᠳᠦᠬᠡᠨ ᠪᠠᠶᠢᠭᠤᠯᠤᠯᠳᠠ ᠵᠢᠴᠢ ᠠᠮᠤᠷ ᠲᠦᠪᠰᠢᠨ ᠤ ᠦᠬᠡᠷᠡᠴᠢᠯᠡᠯᠳᠡ᠂ ᠭᠠᠴᠠᠭ᠎ᠠ | ᠲᠤᠰᠬᠤᠨ ᠤ ᠪᠠᠷᠢᠮᠵᠢᠶᠠᠵᠢᠭᠰᠠᠨ ᠡᠷᠡᠬᠦᠯ ᠬᠠᠮᠠᠭᠠᠯᠠᠯ ᠤᠨ ᠲᠠᠰᠤᠭ᠂ ᠭᠠᠴᠠᠭ᠎ᠠ ᠲᠤᠰᠬᠤᠨ ᠤ ᠰᠤᠶᠤᠯ ᠤᠨ | ᠠᠵᠢᠯᠯᠠᠭᠠᠨ ᠤ ᠦᠷᠦᠬᠡ᠂ ᠠᠷᠠᠳ ᠲᠤ ᠲᠦᠬᠦᠮ ᠦᠵᠡᠬᠦᠯᠬᠦ ᠬᠤᠯᠪᠤᠭᠠᠳᠤ ᠬᠡᠳᠦ ᠲᠡᠯᠬᠡᠬᠦᠷ᠂ ᠬᠦᠳᠡᠭᠡ ᠲᠤᠰᠬᠤᠨ | ᠮᠠᠯᠵᠢᠬᠤ ᠤᠷᠤᠨ ᠤ ᠪᠠᠶᠢᠩᠭᠤ ᠰᠠᠭᠤᠷᠢᠰᠢᠭ᠎ᠠ ᠬᠦᠮᠦᠨ ᠠᠮᠠ ᠶᠢᠨ ᠨᠠᠰᠤᠵᠢᠯ ᠡᠮ ᠡᠮᠨᠡᠯᠬᠡ ᠲᠤᠤᠷ᠎ᠠ ᠪᠠᠳᠤᠯᠠᠭ᠎ᠠ | ᠵᠡᠷᠬᠡ ᠨᠡᠶᠢᠬᠡᠮ ᠤᠨ ᠪᠠᠳᠤᠯᠠᠭᠠᠨ ᠤ ᠨᠠᠶᠢᠳᠡᠮ ᠬᠠᠮᠤᠷᠬᠤ ᠶᠢ ᠪᠡᠶᠡᠯᠡᠬᠦᠯᠵᠦ᠂ ᠬᠤᠳᠠ ᠬᠦᠳᠡᠭᠡ ᠶᠢᠨ ᠦᠨᠳᠦᠰᠦᠨ | ᠨᠡᠶᠢᠳᠡ ᠶᠢᠨ ᠦᠢᠯᠡᠴᠢᠯᠡᠬᠡᠨ ᠤ ᠠᠳᠠᠯᠢ ᠲᠡᠭᠰᠢᠵᠢᠯᠳᠡ ᠶᠢ ᠠᠬᠢᠭᠤᠯᠤᠨ᠎ᠠ᠃ | ⒑ᠲᠤᠷᠭᠠᠨ ᠵᠠᠮ ᠤᠨ ᠠᠵᠤ ᠠᠬᠤᠢ ᠶᠢᠨ ᠪᠦᠰᠡ᠄ ᠲᠤᠮᠳᠠᠳᠤ ᠤᠯᠤᠰ ᠪᠠ ᠪᠠᠷᠠᠭᠤᠨ ᠠᠽᠢᠶ᠎ᠠ ᠶᠢᠨ ᠡᠯ᠎ᠡ ᠤᠯᠤᠰ | ᠤᠨ ᠬᠤᠭᠤᠷᠤᠨᠳᠤ ᠪᠦᠷᠢᠯᠳᠦᠭᠰᠡᠨ ᠨᠢᠭᠡᠨ ᠠᠵᠤ ᠠᠬᠤᠢ ᠶᠢᠨ ᠬᠠᠮᠳᠤᠷᠠᠯᠴᠠᠭᠠᠨ ᠤ ᠤᠷᠤᠨ ᠪᠦᠰᠡ ᠪᠤᠯᠤᠨ᠎ᠠ᠂ ᠶᠡᠭᠡ | ᠲᠥᠯᠦᠪ ᠲᠡᠭᠡᠨ ᠬᠠᠭᠤᠴᠢᠨ ᠲᠤᠷᠭᠠᠨ ᠵᠠᠮ ᠤᠨ ᠬᠦᠷᠢᠶ᠎ᠡ ᠬᠡᠪᠴᠢᠶᠡᠨ ᠳᠤ ᠪᠠᠶᠢᠨ᠎ᠠ᠃ ᠪᠠᠷᠠᠭᠤᠨ ᠬᠤᠶᠢᠳᠤ ᠶᠢᠨ | ᠱᠠᠨᠰᠢ᠂ ᠭᠠᠨᠰᠤ᠂ ᠬᠦᠬᠡᠨᠠᠭᠤᠷ᠂ ᠨᠢᠩᠰᠢᠶᠠ᠂ ᠰᠢᠨᠵᠢᠶᠠᠩ ᠵᠡᠷᠭᠡ ᠲᠠᠪᠤᠨ ᠮᠤᠵᠢ ᠤᠷᠤᠨ᠂ ᠪᠠᠷᠠᠭᠤᠨ ᠡᠮᠤᠨᠡᠳᠤ | ᠶᠢᠨ ᠴᠦᠩᠴᠢᠩ᠂ ᠰᠧᠴᠤᠸᠠᠨ᠂ ᠶᠦᠨᠨᠠᠨ᠂ ᠭᠤᠸᠠᠩᠰᠢ ᠵᠡᠷᠭᠡ ᠲᠦᠷᠪᠡᠨ ᠮᠤᠵᠢ ᠤᠷᠤᠨ ᠢ ᠪᠠᠭᠳᠠᠭᠠᠨ᠎ᠠ᠃ | 2013 ᠤᠨ ᠳᠤ ᠲᠤᠮᠳᠠᠳᠤ ᠤᠯᠤᠰ ᠤᠨ ᠲᠡᠷᠢᠭᠦᠯᠡᠭᠴᠢ ᠰᠢ ᠶᠢᠨ ᠫᠢᠩ ᠺᠠᠽᠠᠬᠠᠰᠲ᠋ᠠᠨ ᠤ ᠨᠡᠽᠡᠷᠪᠡᠶᠧ ᠶᠡᠭᠡ | ᠰᠤᠷᠭᠠᠭᠤᠯᠢ ᠳᠤ ᠶᠠᠷᠢᠶ᠎ᠠ ᠲᠠᠯᠪᠢᠬᠤ ᠳᠠᠭᠠᠨ ᠲᠤᠷᠠᠳᠤᠨ ᠭᠠᠷᠭᠠᠭᠰᠠᠨ ᠶᠤᠮ᠃ | ⒒ᠡᠷᠡᠭᠦᠯ ᠮᠡᠨᠳᠤ ᠶᠢᠨ ᠦᠢᠯᠡᠰ᠄ ᠡᠷᠡᠭᠦᠯ ᠮᠡᠨᠳᠤ ᠶᠢᠨ ᠦᠢᠯᠡᠰ ᠪᠤᠯ ᠵᠠᠬ᠎ᠠ ᠲᠡᠯᠭᠡᠭᠦᠷ ᠤᠨ ᠯᠤᠳᠤ ᠶᠡᠭᠡ ᠳᠠᠯᠳᠠ | ᠬᠦᠴᠦᠨ ᠲᠠᠢ ᠰᠢᠨ᠎ᠡ ᠪᠠᠷ ᠮᠠᠨᠳᠦᠵᠥ ᠪᠠᠶᠢᠭ᠎ᠠ ᠠᠵᠥ ᠦᠢᠯᠡᠰ ᠶᠤᠮ︔ ᠲᠡᠷᠡ ᠨᠢ ᠠᠵᠥ ᠦᠢᠯᠡᠳᠪᠦᠷᠢ᠂ | ᠲᠠᠷᠢᠶᠠᠯᠠᠩ᠂ ᠡᠮ ᠡᠮᠨᠡᠯᠬᠡ᠂ ᠡᠷᠡᠭᠦᠯ ᠬᠠᠮᠠᠭᠠᠯᠠᠯ᠂ ᠠᠮᠢ ᠠᠬᠤᠢ᠂ ᠤᠷᠴᠢᠨ ᠲᠤᠭᠤᠷᠢᠨ ᠤ ᠬᠠᠮᠠᠭᠠᠯᠠᠯᠳᠠ᠂ | ᠵᠢᠭᠤᠯᠴᠢᠯᠠᠯ᠂ ᠭᠠᠵᠡᠷ ᠬᠦᠷᠦᠩᠭᠡ᠂ ᠭᠦᠳᠡᠭᠡ ᠲᠤᠰᠬᠤᠨ ᠪᠠ ᠬᠤᠳᠠ ᠶᠢᠨ ᠭᠦᠭᠵᠢᠯᠳᠡ ᠵᠡᠷᠭᠡ ᠭᠦᠷᠢᠶ᠎ᠡ ᠬᠡᠪᠴᠢᠶ᠎ᠡ | ᠶᠢ ᠬᠠᠮᠤᠷᠴᠤ᠂ ᠬᠦᠮᠦᠰ ᠤᠨ ᠪᠡᠶ᠎ᠡ ᠰᠡᠳᠭᠢᠴᠠ ᠶᠢᠨ ᠡᠷᠡᠭᠦᠯ ᠮᠠᠨᠳᠤ ᠲᠠᠢ ᠨᠢᠭᠳᠠ ᠬᠤᠯᠪᠤᠭ᠎ᠠ ᠲᠠᠢ ᠡᠯ᠎ᠡ ᠵᠦᠢᠯ ᠤᠨ | ᠦᠢᠯᠡᠳᠪᠦᠷᠢᠯᠡᠯ ᠪᠠ ᠦᠢᠯᠡᠴᠢᠯᠡᠭᠡᠨ ᠤ ᠦᠢᠯᠡᠰ ᠢ ᠵᠢᠭᠠᠵᠤ ᠪᠠᠶᠢᠨ᠎ᠠ᠃ | ⒓ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ《 ᠠᠰᠢᠭᠯᠠᠵᠤ ᠨᠦᠬᠦᠪᠦᠷᠢᠯᠡᠬᠦ ᠶᠢ | ᠲᠡᠩᠴᠡᠬᠦᠷᠢᠰᠢᠬᠦᠯᠬᠦ》᠄ ᠮᠠᠨ ᠤ ᠬᠤᠰᠢᠭᠤᠨ ᠤ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ | ᠶᠢ ᠬᠡᠳᠦᠷᠡᠳᠡᠯ᠎ᠡ ᠠᠰᠢᠭᠯᠠᠬᠤ ᠬᠦᠨᠳᠦ ᠨᠤᠴᠢᠳᠠᠢ ᠠᠰᠠᠭᠤᠳᠠᠯ ᠢ ᠰᠢᠢᠳᠪᠦᠷᠢᠯᠡᠬᠦ ᠶᠢᠨ ᠲᠦᠯᠦᠬᠡ᠂ ᠠᠶᠢᠮᠠᠭ ᠤᠨ | ᠨᠠᠮ ᠤᠨ ᠬᠤᠷᠢᠶ᠎ᠠ᠂ ᠵᠠᠬᠢᠷᠭᠠᠨ ᠤ ᠨᠢᠬᠡᠳᠦᠯᠳᠡᠢ ᠲᠤᠬᠢᠷᠠᠭᠤᠯᠭ᠎ᠠ ᠶᠤᠰᠤᠭᠠᠷ᠂ ᠮᠠᠨ ᠤ ᠬᠤᠰᠢᠭᠤ《ᠬᠤᠳᠳᠤᠭ ᠢᠶᠠᠷ | ᠤᠰᠤᠯᠠᠬᠤ ᠤᠷᠤᠨ ᠤ ᠭᠠᠵᠠᠷ ᠲᠤᠤᠷᠠᠬᠢ ᠤᠰᠤ ᠶᠢ ᠠᠰᠢᠭᠯᠠᠵᠤ ᠨᠦᠬᠦᠪᠦᠷᠢᠯᠡᠬᠦ ᠶᠢ ᠲᠡᠩᠴᠡᠬᠦᠷᠢᠰᠢᠬᠦᠯᠬᠦ ᠠᠵᠢᠯ | ᠤᠨ ᠬᠡᠷᠡᠭᠵᠢᠬᠦᠯᠬᠦ ᠲᠦᠰᠦᠯ 》 ᠢ ᠲᠤᠭᠳᠠᠭᠠᠵᠤ᠂ ᠭᠤᠤᠯᠳᠠᠭᠤ ᠬᠤᠳᠳᠤᠭ ᠢ ᠪᠢᠳᠡᠬᠦᠮᠵᠢᠯᠡᠵᠦ ᠲᠠᠷᠢᠶᠠᠨ ᠭᠠᠵᠠᠷ ᠢ | ᠪᠠᠭᠠᠰᠬᠠᠨ᠂ ᠲᠤᠭᠳᠠᠭᠰᠠᠨ ᠬᠡᠮᠵᠢᠶ᠎ᠡ ᠲᠠᠢ ᠪᠠᠷ ᠤᠰᠤ ᠲᠤᠬᠢᠷᠠᠭᠤᠯᠬᠤ᠂ ᠲᠠᠷᠢᠮᠠᠯ ᠤᠨ ᠪᠦᠳᠦᠴᠡ ᠶᠢ ᠲᠤᠬᠢᠷᠠᠭᠤᠯᠬᠤ | ᠂ ᠣᠰᠤᠨ ᠳᠤ ᠭᠠᠮᠳᠠᠢ ᠲᠠᠷᠢᠶᠠᠯᠠᠩ ᠢ ᠬᠦᠭᠵᠢᠬᠦᠯᠬᠦ᠂ ᠦᠨᠳᠦᠷ ᠦᠷ᠎ᠡ ᠠᠰᠢᠭ ᠲᠠᠢ ᠤᠰᠤ ᠠᠷᠪᠢᠯᠠᠬᠤ ᠲᠠᠷᠢᠮᠠᠯ ᠢ | ᠬᠦᠭᠵᠢᠬᠦᠯᠬᠦ ᠵᠡᠷᠬᠡ ᠠᠷᠭ᠎ᠠ ᠬᠡᠮᠵᠢᠶ᠎ᠡ ᠪᠠᠷ ᠲᠠᠮᠵᠢᠭᠤᠯᠤᠨ᠂ ᠭᠠᠵᠠᠷ ᠲᠤᠤᠷᠠᠬᠢ ᠤᠰᠤᠨ ᠤ ᠡᠬᠢ ᠰᠤᠷᠪᠤᠯᠵᠢ ᠶᠢ | ᠨᠡᠬᠡᠬᠡᠨ ᠠᠰᠢᠭᠯᠠᠬᠤ ᠬᠡᠮᠵᠢᠶ᠎ᠠ ᠶᠢ ᠲᠠᠰᠤᠷᠠᠯᠳᠠ ᠦᠬᠡᠢ ᠪᠠᠭᠠᠰᠬᠠᠵᠤ᠂ ᠬᠠᠮᠤᠭ ᠡᠴᠦᠰ ᠲᠤ ᠭᠠᠵᠠᠷ ᠲᠤᠤᠷᠠᠬᠢ | ᠤᠰᠤ ᠶᠢ ᠨᠡᠬᠡᠬᠡᠨ ᠠᠰᠢᠭᠯᠠᠬᠤ ᠬᠡᠮᠵᠢᠶ᠎ᠡ ᠪᠠ ᠨᠦᠬᠦᠪᠦᠷᠢᠯᠡᠬᠦ ᠬᠡᠮᠵᠢᠶ᠎ᠡ ᠶᠢ ᠬᠦᠳᠡᠯᠦᠩᠬᠦᠢ ᠪᠠᠷ ᠲᠡᠩᠴᠡᠬᠦᠷᠢᠰᠢᠬᠦᠯᠬᠦ | ᠶᠢ ᠪᠡᠶᠡᠯᠡᠬᠦᠯᠦᠨ᠎ᠡ᠃ | ⒔ ᠤᠰᠤᠨ ᠤ ᠡᠷᠬᠡ ᠶᠢᠨ ᠠᠷᠠᠯᠵᠢᠶ᠎ᠠ᠄ ᠤᠰᠤᠨ ᠤ ᠡᠷᠬᠡ ᠶᠢ ᠨᠢᠬᠡ ᠲᠦᠷᠦᠯ ᠤᠨ ᠵᠠᠬ᠎ᠠ ᠲᠡᠯᠬᠡᠬᠦᠷ ᠤᠨ | ᠦᠷᠳᠡᠭ ᠲᠠᠢ ᠬᠦᠳᠡᠯᠦᠩᠬᠦᠢ ᠴᠢᠨᠠᠷᠳᠠᠢ ᠡᠬᠢ ᠪᠠᠶᠠᠯᠢᠭ ᠪᠤᠯᠭᠠᠵᠤ᠂ ᠤᠰᠤᠨ ᠤ ᠡᠷᠬᠡ ᠲᠠᠢ ᠬᠦᠮᠦᠨ ᠨᠢ ᠵᠠᠬ᠎ᠠ | ᠲᠡᠯᠬᠡᠬᠦᠷ ᠤᠨ ᠲᠤᠭᠳᠠᠯᠴᠠᠭ᠎ᠠ ᠪᠠᠷ ᠲᠠᠮᠵᠢᠨ ᠴᠢᠯᠤᠬᠡᠳᠡᠢ ᠪᠠᠷ ᠤᠰᠤᠨ ᠤ ᠡᠷᠬᠡ ᠶᠢ ᠠᠷᠠᠯᠵᠢᠶᠠᠯᠠᠵᠤ᠂ ᠡᠬᠦᠨ ᠤ | ᠤᠯᠠᠮ ᠠᠴᠠ ᠨᠡᠶᠢᠬᠡᠮ ᠤᠨ ᠤᠰᠤ ᠬᠡᠷᠡᠭᠯᠡᠬᠦ ᠶᠡᠷᠦᠩᠬᠡᠢ ᠦᠷ᠎ᠡ ᠠᠰᠢᠭ ᠢ ᠲᠡᠭᠡᠭᠰᠢᠯᠡᠬᠦᠯᠬᠦ ᠶᠢ ᠵᠢᠭᠠᠨ᠎ᠠ᠃ | ⒕ᠨᠡᠶᠢᠬᠡᠮ ᠤᠨ ᠲᠠᠭᠠᠳᠬᠠᠯ ᠤᠨ ︽ᠲᠠᠪᠤ ᠶᠢ ᠨᠢᠭᠡᠳᠭᠡᠬᠦ ︾᠄ ᠦᠨᠳᠤᠰᠤᠨ ᠨᠠᠰᠤᠵᠢᠯ ᠤᠨ ᠲᠠᠭᠠᠳᠬᠠᠯ᠂ ᠬᠤᠳᠠ | ᠪᠠᠯᠭᠠᠰᠤᠨ ᠤ ᠡᠮᠨᠡᠯᠭᠡ ᠶᠢᠨ ᠲᠠᠭᠠᠳᠬᠠᠯ᠂ ᠠᠵᠢᠯ ᠠᠯᠳᠠᠬᠤ ᠲᠠᠭᠠᠳᠬᠠᠯ᠂ ᠠᠵᠢᠯ ᠤᠨ ᠬᠡᠮᠳᠤᠯ ᠤᠨ ᠲᠠᠭᠠᠳᠬᠠᠯ | ᠪᠠ ᠬᠦᠩᠭᠡᠵᠢᠯ ᠤᠨ ᠲᠠᠭᠠᠳᠬᠠᠯ ᠤᠨ ᠲᠠᠪᠤᠨ ᠲᠦᠷᠦᠯ ᠤᠨ ᠲᠠᠭᠠᠳᠬᠠᠯ ᠢ ᠨᠢᠭᠡᠳᠤᠯᠳᠠᠢ ᠪᠦᠷᠢᠳᠭᠡᠨ᠂ ᠰᠠᠭᠤᠷᠢ | ᠲᠤᠭ᠎ᠠ ᠶᠢ ᠨᠢᠬᠡᠳᠤᠭᠦᠯᠵᠤ᠂ ᠨᠢᠭᠡᠳᠤᠯᠳᠠᠢ ᠬᠤᠷᠢᠶᠠᠬᠤ ᠶᠢ ᠬᠡᠯᠡᠨ᠎ᠡ᠃ | ⒖ ᠬᠡᠷᠡᠯ ᠴᠠᠬᠢᠯᠠᠭᠠᠨ ᠢᠶᠠᠷ ᠶᠠᠳᠠᠭᠤ ᠶᠢ ᠲᠡᠳᠭᠦᠭᠦ᠄ ᠤᠯᠤᠰ ᠤᠨ ᠡᠨᠧᠷᠬᠢ ᠤᠨ ᠲᠤᠪᠴᠢᠶ᠎ᠡ ᠪᠠ ᠳᠦᠷᠦ ᠶᠢᠨ | ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠭᠦᠭᠦ ᠠᠯᠪᠠᠨ ᠭᠡᠷ ᠠᠴᠠ 2015 ᠤᠨ ᠠᠴᠠ 2020 ᠤᠨ | ᠬᠦᠷᠳᠡᠯ᠎ᠡ᠂ ᠭᠤᠤᠯᠳᠠᠭᠤ ᠬᠤᠶᠠᠷ ᠵᠦᠢᠯ ᠤᠨ ᠭᠡᠯᠪᠡᠷᠢ ᠪᠠᠷ ᠨᠠᠷᠠᠨ ᠤ ᠡᠨᠧᠷᠬᠢ ᠪᠠᠷ ᠴᠠᠬᠢᠯᠠᠭᠠᠨ ᠭᠠᠷᠭᠠᠵᠤ ᠶᠠᠳᠠᠭᠤ | ᠶᠢ ᠲᠡᠳᠭᠦᠭᠦ ᠢᠨᠵᠧᠨᠧᠷᠢᠩ ᠢ ᠬᠡᠷᠡᠭᠵᠢᠬᠦᠯᠬᠦ ᠪᠠᠷ ᠲᠦᠯᠦᠪᠯᠡᠪᠡ︔ ᠨᠢᠬᠡ ᠳᠤ ᠪᠤᠶᠢᠳᠠ ᠪᠦᠭᠯᠡᠭᠦᠦ ᠬᠤᠰᠢᠭᠤ ᠰᠢᠶᠡᠨ | ᠪᠠ ᠤᠯᠤᠰ ᠠᠴᠠ ᠶᠠᠳᠠᠭᠤ ᠶᠢ ᠲᠡᠳᠬᠦᠨ ᠨᠡᠭᠡᠭᠡᠨ ᠭᠦᠭᠵᠢᠬᠦᠯᠬᠦ ᠭᠤᠤᠯᠳᠠᠯᠭ᠎ᠠ ᠲᠠᠢ ᠬᠤᠰᠢᠭᠤ ᠰᠢᠶᠡᠨ ᠤ ᠨᠢᠭᠡᠨᠳᠡ | ᠺᠠᠷᠲ ᠪᠠᠶᠢᠭᠤᠯᠵᠥ ᠲᠠᠩᠰᠠᠯᠠᠭᠰᠠᠨ ᠶᠠᠳᠠᠭᠤ ᠬᠦᠴᠢᠷᠳᠡᠯᠳᠡᠢ ᠡᠷᠦᠭᠡ ᠳᠤ ᠴᠠᠬᠢᠯᠭᠠᠨ ᠭᠠᠷᠭᠠᠬᠤ ᠰᠢᠰᠲ᠋ᠧᠮ | ᠤᠭᠰᠠᠷᠠᠵᠥ᠂ ᠶᠠᠳᠠᠭᠤ ᠭᠦᠮᠦᠨ ᠠᠮᠠ ᠶᠢᠨ ᠦᠨᠳᠦᠰᠦᠨ ᠤᠷᠤᠯᠭ᠎ᠠ ᠶᠢ ᠨᠡᠮᠡᠭᠳᠡᠬᠦᠯᠤᠨ᠎ᠠ︔ ᠬᠤᠶᠠᠷ ᠲᠤ᠂ ᠶᠠᠳᠠᠭᠤ | ᠬᠦᠴᠢᠷᠳᠡᠯᠳᠡᠢ ᠤᠷᠤᠨ ᠤ ᠠᠭᠯᠠᠭ ᠠᠭᠤᠯᠠ ᠭᠦᠳᠦᠯ᠂ ᠲᠠᠷᠢᠶᠠᠯᠠᠩ ᠤᠨ ᠲᠤᠮᠤ ᠬᠦᠯᠡᠮᠵᠢ ᠪᠤᠶᠤ ᠲᠦᠭᠦᠭᠡᠷᠦᠮᠵᠢᠳᠦ | ᠲᠠᠷᠢᠶᠠᠯᠠᠩ ᠵᠡᠷᠭᠡ ᠶᠢ ᠠᠰᠢᠭᠯᠠᠨ᠂ ᠭᠠᠵᠠᠷ ᠤᠷᠤᠨ ᠳᠤᠨᠢ ᠲᠤᠬᠢᠷᠠᠭᠤᠯᠤᠨ ᠨᠠᠷᠠᠨ ᠤ ᠡᠨᠧᠷᠬᠢ ᠪᠠᠷ ᠴᠠᠬᠢᠯᠭᠠᠨ | ᠭᠠᠷᠭᠠᠬᠤ ᠦᠷᠳᠡᠭᠡ ᠪᠠᠶᠢᠭᠤᠯᠵᠥ᠂ ᠶᠠᠳᠠᠭᠤ ᠭᠦᠴᠢᠷᠳᠡᠯ ᠲᠠᠢ ᠬᠦᠮᠦᠨ ᠠᠮᠠ ᠶᠢᠨ ᠤᠷᠤᠯᠭ᠎ᠠ ᠶᠢ ᠨᠡᠮᠡᠭᠳᠡᠬᠦᠯᠦᠨ᠎ᠡ᠃ | ⒗ ᠬᠦᠳᠡᠭᠡ ᠲᠤᠰᠬᠤᠨ ᠤ ᠵᠢᠭᠤᠯᠴᠢᠯᠠᠯ ᠢᠶᠠᠷ ᠠᠷᠠᠳ ᠢᠶᠠᠨ ᠪᠠᠶᠠᠵᠢᠭᠤᠯᠬᠤ ᠢᠨᠵᠧᠨᠧᠷᠢᠩ᠄ ᠤᠷᠴᠢᠨ ᠲᠤᠭᠤᠷᠢᠨ ᠢ | ᠰᠠᠶᠢᠵᠢᠷᠠᠭᠤᠯᠬᠤ ᠪᠠᠷ ᠰᠠᠭᠤᠷᠢ ᠪᠤᠯᠭᠠᠵᠥ᠂ ᠦᠵᠡᠮᠵᠢ ᠶᠢᠨ ᠤᠷᠤᠨ ᠦᠵᠡᠮᠵᠢ ᠶᠢᠨ ᠴᠡᠭ ᠲᠤ ᠲᠦᠰᠢᠭᠯᠡᠵᠥ᠂ | ᠶᠠᠳᠠᠭᠤ ᠬᠦᠴᠢᠷᠳᠡᠯᠳᠡᠢ ᠬᠦᠳᠡᠭᠡ ᠲᠤᠰᠬᠤᠨ ᠤ ᠵᠢᠭᠤᠯᠴᠢᠯᠠᠯ ᠤᠨ ᠭᠦᠭᠵᠢᠯᠳᠡ ᠳᠤ ᠤᠴᠠᠷᠠᠵᠥ ᠪᠦᠬᠦᠢ ᠳᠤᠪᠤᠶᠢᠮ᠎ᠠ | ᠭᠦᠴᠢᠷᠳᠡᠯ ᠢ ᠬᠦᠴᠦ ᠪᠠᠨ ᠲᠦᠪᠯᠡᠷᠡᠭᠦᠯᠦᠨ ᠰᠢᠢᠳᠪᠦᠷᠢᠯᠡᠵᠥ᠂ ᠭᠤᠤᠯᠳᠠᠯᠭ᠎ᠠ ᠲᠠᠢ ᠦᠵᠡᠮᠵᠢ ᠶᠢᠨ ᠤᠷᠤᠨ ᠪᠠ | ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠳᠡ ᠶᠢ ᠲᠡᠮᠵᠢᠵᠥ᠂ ᠶᠠᠳᠠᠭᠤ ᠬᠦᠴᠢᠷᠳᠡᠯᠳᠡᠢ ᠤᠷᠤᠨ ᠤ ᠤᠯᠠᠨ | ᠲᠦᠮᠡᠨ ᠤ ᠶᠠᠳᠠᠭᠤ ᠠᠴᠠ ᠠᠩᠬᠢᠵᠢᠷᠠᠨ ᠴᠢᠨᠡᠬᠡᠯᠢᠭᠵᠢᠬᠦ ᠠᠯᠬᠤᠮ ᠢᠶᠠᠨ ᠲᠦᠷᠭᠡᠳᠭᠡᠭᠦ ᠶᠢ ᠲᠠᠶᠢᠴᠢᠯᠡᠨ᠎ᠡ᠃ | ⒘ ᠤᠴᠢᠷ ᠨᠢᠬᠡᠪᠦᠷᠢ ᠶᠢ ᠲᠤᠰᠬᠠᠢ ᠵᠦᠪᠳᠡᠬᠦ ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠠᠵᠢᠯ᠄ ᠭᠠᠴᠠᠭᠠᠨ | ︵ᠲᠤᠰᠬᠤᠨ︶ ᠤ ᠠᠷᠠᠳ ᠤᠨ ᠤᠴᠢᠷ ᠨᠢᠬᠡᠪᠦᠷᠢ ᠶᠢ ᠲᠤᠰᠬᠠᠢ ᠵᠦᠪᠳᠡᠵᠦ ᠪᠡᠯᠡ ᠮᠦᠩᠬᠦ ᠪᠠ ᠬᠦᠳᠡᠯᠮᠦᠷᠢ ᠬᠦᠴᠦ | ᠬᠤᠷᠠᠮᠳᠤᠭᠤᠯᠬᠤ ᠪᠠᠷ ᠦᠨᠳᠦᠰᠦ ᠪᠤᠯᠭᠠᠵᠤ᠂ ᠭᠠᠴᠠᠭ᠎ᠠ ᠲᠤᠰᠬᠤᠨ ᠤ ᠬᠠᠮᠳᠤ ᠨᠢᠬᠡᠴᠡ ᠶᠢᠨ ᠠᠵᠤ ᠠᠬᠤᠢ ᠶᠢᠨ | ᠵᠤᠬᠢᠶᠠᠨ ᠪᠠᠶᠢᠭᠤᠯᠤᠯᠳᠠ ᠶᠢᠨ ᠤᠷᠤᠭᠤᠯᠤᠯᠳᠠ ᠪᠠᠷ ᠭᠤᠤᠯ ᠪᠤᠯᠭᠠᠭᠰᠠᠨ ᠪᠦᠳᠦᠬᠡᠨ ᠪᠠᠶᠢᠭᠤᠯᠤᠯᠳᠠ ᠶᠢᠨ ᠲᠦᠷᠦᠯ | ᠵᠦᠢᠯ ᠳᠤ ᠵᠤᠬᠢᠬᠤ ᠬᠡᠮᠵᠢᠶᠡᠨ ᠤ ᠱᠠᠩᠨᠠᠯ ᠨᠦᠬᠦᠪᠦᠷᠢ ᠤᠯᠭᠤᠬᠤ ᠶᠢ ᠵᠢᠭᠠᠨ᠎ᠠ᠃ | ⒙ ᠭᠤᠷᠪᠠᠨ ᠴᠢᠩᠭ᠎ᠠ ᠭᠤᠷᠪᠠᠨ ᠪᠤᠳᠠᠳᠠᠢ᠄ 2014 ᠤᠨ ᠤ 3 ᠰᠠᠷ᠎ᠠ ᠶᠢᠨ 9 ᠤ ᠡᠳᠦᠷ᠂ ᠰᠢ ᠶᠢᠨ ᠫᠢᠩ | ᠶᠡᠷᠦᠩᠬᠡᠢ ᠱᠦᠵᠢ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠤᠳᠠᠭᠠᠨ ᠤ ᠬᠤᠷᠠᠯ ᠲᠡᠬᠡᠷ᠎ᠡ ᠠᠨᠾᠦ᠋ᠢ ᠮᠦᠵᠢ ᠶᠢᠨ ᠲᠦᠯᠦᠬᠡᠯᠡᠭᠴᠢᠳ ᠤᠨ ᠪᠦᠯᠬᠦᠮ ᠲᠠᠢ ᠬᠢᠨᠠᠨ | ᠵᠦᠪᠯᠡᠬᠦ ᠦᠶᠡᠰ᠂ ᠰᠤᠷᠳᠠᠯ ᠤᠨ ᠪᠠᠶᠢᠭᠤᠯᠤᠯᠳᠠ ᠶᠢ ᠲᠦᠯᠬᠢᠨ ᠠᠬᠢᠭᠤᠯᠬᠤ ᠲᠤᠬᠠᠢ ᠶᠠᠷᠢᠶᠠᠨ ᠳᠠᠭᠠᠨ᠂ ︽ᠪᠡᠶ᠎ᠡ | ᠪᠠᠨ ᠴᠢᠩᠭ᠎ᠠ ᠵᠠᠰᠠᠵᠤ᠂ ᠡᠷᠬᠡ ᠪᠠᠨ ᠲᠦᠪ ᠴᠢᠩᠭ᠎ᠠ ᠪᠠᠷ ᠬᠡᠷᠡᠭᠯᠡᠵᠦ᠂ ᠦᠪᠡᠷ ᠤᠨ ᠪᠡᠶ᠎ᠡ ᠪᠠᠨ ᠴᠢᠩᠭ᠎ᠠ ᠱᠠᠭᠠᠷᠳᠠᠨ | ᠂ ᠠᠵᠢᠯ ᠬᠡᠷᠡᠭ ᠲᠦᠯᠦᠪᠯᠡᠬᠦ ᠳᠤ ᠪᠤᠳᠠᠳᠠᠢ ᠪᠠᠶᠢᠵᠤ᠂ ᠦᠯᠡᠰ ᠪᠤᠰᠬᠠᠬᠤ ᠳᠤ ᠪᠤᠳᠠᠳᠠᠢ ᠪᠠᠶᠢᠵᠤ᠂ ᠬᠦᠮᠦᠨ ᠪᠤᠯᠬᠤ | ᠳᠤ ᠪᠤᠳᠠᠳᠠᠢ ᠪᠠᠶᠢᠬᠤ︾ ᠬᠡᠷᠡᠭᠳᠡᠢ ᠬᠡᠵᠦ ᠲᠤᠷᠠᠳᠤᠭᠰᠠᠨ ᠴᠢᠬᠤᠯᠠ ᠦᠬᠦᠯᠡᠯᠳᠡ ᠶᠢᠨ ᠲᠤᠪᠴᠢ ᠨᠡᠷᠡᠶᠢᠳᠦᠯ | ᠪᠤᠯᠤᠨ᠎ᠠ᠃ | ⒚ᠭᠤᠷᠪᠠᠨ ᠴᠢᠬᠤᠯᠠ ᠨᠢᠬᠡ ᠶᠡᠭᠡ᠄ ᠴᠢᠬᠤᠯᠠ ᠶᠡᠭᠡ ᠬᠡᠷᠡᠭ ᠤᠴᠢᠷ ᠤᠨ ᠰᠢᠢᠳᠪᠦᠷᠢ᠂ ᠴᠢᠬᠤᠯᠠ ᠺᠠᠳ᠋ᠷ ᠢ | ᠲᠤᠮᠢᠯᠠᠵᠤ ᠪᠠᠭᠤᠯᠭᠠᠬᠤ᠂ ᠴᠢᠬᠤᠯᠠ ᠶᠡᠭᠡ ᠲᠦᠷᠦᠯ ᠵᠤᠶᠢᠯ ᠳᠤ ᠪᠡᠯᠡ ᠤᠷᠤᠭᠤᠯᠬᠤ ᠰᠢᠢᠳᠪᠦᠷᠢᠳᠦ ᠪᠤᠳᠤᠯᠭ᠎ᠠ | ᠲᠤᠭᠳᠠᠭᠠᠬᠤ ᠪᠤᠯᠤᠨ ᠶᠡᠭᠡ ᠲᠤᠭᠠᠨ ᠤ ᠪᠡᠯᠡ ᠮᠦᠩᠬᠦ ᠬᠡᠷᠡᠭᠯᠡᠬᠦ ᠶᠢ ᠵᠢᠭᠠᠨ᠎ᠠ᠃ | ⒛ ᠵᠠᠰᠠᠮᠠᠯ ᠵᠠᠮ ᠲᠡᠮᠦᠷ ᠵᠠᠮ ᠤᠨ ᠲᠤᠪᠴᠢ ᠨᠡᠷ᠎ᠡ ᠶᠢᠨ ᠲᠠᠶᠢᠯᠪᠤᠷᠢ᠄ ᠭᠠᠨ ᠲᠠᠩ — ᠡᠤ ᠸᠧᠢ ᠶᠢᠨ ᠡᠮᠦᠨ᠎ᠡ | ᠬᠦᠷᠬᠦ ᠬᠤᠶᠠᠳᠤᠭᠠᠷ ᠱᠤᠭᠤᠮ ᠭᠡᠳᠡᠭ ᠨᠢ ᠭᠠᠨ ᠲᠠᠩ ᠠᠴᠠ ᠡᠤ ᠸᠧᠢ ᠶᠢᠨ ᠡᠮᠦᠨ᠎ᠡ ᠬᠦᠷᠬᠦ ᠲᠡᠮᠦᠷ ᠵᠠᠮ ᠢ | ᠦᠷᠬᠡᠳᠬᠡᠨ ᠪᠠᠶᠢᠭᠤᠯᠬᠤ ᠬᠤᠶᠠᠳᠤᠭᠠᠷ ᠱᠤᠭᠤᠮ ᠤᠨ ᠢᠨᠵᠧᠨᠧᠷᠢᠩ ᠢ ᠵᠢᠭᠠᠵᠤ ᠪᠤᠢ᠃ ᠲᠤᠰ ᠱᠤᠭᠤᠮ ᠤᠨ | ᠵᠡᠬᠦᠨ ᠲᠠᠯ᠎ᠠ ᠨᠢ ᠢᠷᠭᠠᠢ ᠶᠢᠨ ᠲᠡᠷᠡᠰᠦᠨ ᠬᠤᠳᠠ ᠶᠢᠨ ᠭᠠᠨ ᠲᠠᠩ ᠲᠡᠷᠬᠡᠨ ᠦᠷᠳᠡᠬᠡᠨ ᠠᠴᠠ ᠡᠬᠢ ᠠᠪᠴᠤ᠂ | ᠦᠪᠦᠷ ᠮᠤᠩᠭᠤᠯ ᠤᠨ ᠠᠯᠠᠱᠠ ᠵᠡᠬᠦᠨ ᠬᠤᠰᠢᠭᠤ ︵ᠤᠨᠳᠤᠷᠤᠯᠳᠤ ᠪᠠᠯᠭᠠᠰᠤ︶᠂ ᠭᠠᠨᠰᠤ ᠶᠢᠨ ᠵᠢᠩ ᠲᠠᠢ ᠰᠢᠶᠠᠨ᠂ | ᠭᠦ᠋ ᠯᠠᠩ ᠰᠢᠶᠠᠨ ᠢ ᠦᠩᠬᠡᠷᠡᠬᠡᠨ᠂ ᠪᠠᠷᠠᠭᠤᠨᠰᠢ ᠡᠤ ᠸᠧᠢ ᠬᠤᠳᠠ ᠶᠢᠨ ᠯᠢᠶᠠᠩ ᠵᠸᠤ ᠲᠤᠭᠤᠷᠢᠭ ᠤᠨ ᠬᠠᠷᠢᠶᠠᠨ | ᠳᠤ ᠪᠠᠶᠢᠭ᠎ᠠ ᠡᠤ ᠸᠧᠢ ᠶᠢᠨ ᠡᠮᠦᠨ᠎ᠡ ᠲᠡᠷᠬᠡᠨ ᠦᠷᠳᠡᠭᠡ ᠬᠦᠷᠴᠦ ᠂ ᠱᠤᠭᠤᠮ ᠤᠨ ᠪᠦᠬᠦ ᠤᠷᠳᠤ ᠨᠢ 172 | ᠺᠢᠯᠤᠮᠧᠲᠷ ᠪᠠᠶᠢᠵᠤ᠂ ᠮᠠᠨ ᠤ ᠬᠤᠰᠢᠭᠤᠨ ᠳᠤ 60 ᠺᠢᠯᠤᠮᠧᠲᠷ ᠤᠷᠴᠢᠮ ᠦᠩᠬᠡᠷᠡᠨ᠎ᠡ᠃ | | ᠪᠡᠯᠡᠳᠬᠡᠭᠰᠡᠨ ᠨᠢ᠄ ᠡᠷᠳᠡᠨᠢᠬᠦᠦ | ᠨᠠᠶᠢᠷᠠᠭᠤᠯᠤᠭᠰᠠᠨ ᠨᠢ᠄ ᠨᠠᠮᠤᠷ | ᠬᠢᠨᠠᠭᠰᠠᠨ ᠨᠢ᠄ ᠤᠷᠢᠬᠠᠨ |