| | ᠨᠢᠭᠡ᠂ ︽ ᠠᠷᠪᠠᠨ ᠬᠤᠶᠠᠳᠤᠭᠠᠷ ᠲᠠᠪᠤᠨ ᠵᠢᠯ︾ ᠤᠨ ᠬᠤᠭᠤᠴᠠᠭᠠᠨ ᠤ ᠠᠵᠢᠯ ᠤᠨ ᠡᠷᠭᠢᠴᠡᠭᠦᠯᠦᠯ | ︽ᠠᠷᠪᠠᠨ ᠬᠤᠶᠠᠳᠤᠭᠠᠷ ᠲᠠᠪᠤᠨ ᠵᠢᠯ ︾ ᠤᠨ ᠬᠤᠭᠤᠴᠠᠭᠠᠨ ᠳᠤ᠂ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ᠂ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭᠠᠨ ᠤ ᠡᠷᠡᠰ ᠴᠢᠩᠭ᠎ᠠ ᠤᠳᠤᠷᠢᠳᠤᠯᠭ᠎ᠠ | ᠲᠤᠤᠷ᠎ᠠ᠂ ᠪᠢᠳᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ ᠬᠤᠭᠤᠴᠠᠭᠠᠨ ᠤ | ᠭᠤᠷᠪᠠᠳᠤᠭᠠᠷ᠂ ᠲᠥᠷᠪᠡᠳᠤᠭᠡᠷ᠂ ᠲᠠᠪᠤᠳᠤᠭᠠᠷ ᠪᠥᠭᠦᠳᠡ ᠬᠤᠷᠠᠯ ᠪᠠ ᠰᠢ ᠶᠢᠨ ᠫᠢᠩ ᠶᠡᠷᠥᠩᠬᠡᠢ ᠱᠥᠵᠢ ᠶᠢᠨ | ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ᠂ ᠥᠪᠠᠷᠳᠠᠭᠡᠨ ᠵᠠᠰᠠᠬᠤ ᠤᠷᠤᠨ ᠤ ︽8337︾ ᠭᠥᠭᠵᠢᠯᠳᠡ | ᠶᠢᠨ ᠰᠡᠳᠭᠢᠴᠡ ᠪᠠ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭᠠᠨ ᠤ ᠡᠯ᠎ᠡ ᠲᠥᠷᠥᠯ ᠤᠨ ᠰᠢᠢᠳᠪᠦᠷᠢᠳᠥ | ᠪᠤᠳᠥᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ ᠨᠡᠶᠢᠳᠠᠪᠤᠷᠢᠵᠢᠭᠤᠯᠵᠤ᠂ ᠪᠦᠬᠦ ᠬᠤᠰᠢᠭᠤᠨ ᠤ ᠦᠷᠭᠡᠨ ᠤᠯᠠᠨ ᠨᠠᠮ | ᠤᠨ ᠬᠡᠰᠢᠭᠦᠳ ᠪᠠ ᠡᠯ᠎ᠡ ᠦᠨᠳᠦᠰᠦᠳᠡᠨ ᠤ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠵᠤ᠂ | ᠲᠣᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠥᠨᠳᠣᠰᠣᠨ ᠤᠬᠠᠭᠳᠠᠬᠤᠨ ᠢ ᠪᠠᠳᠣᠲᠠᠢ ᠡᠵᠡᠮᠰᠢᠨ᠂ ᠪᠠᠷ | ᠠᠵᠣ ᠠᠬᠤᠢ ᠶᠢᠨ ᠰᠢᠨ᠎ᠡ ᠬᠡᠪ ᠤᠨ ᠪᠠᠶᠢᠳᠠᠯ ᠲᠠᠢ ᠢᠳᠡᠪᠬᠢᠲᠠᠢ ᠵᠣᠬᠢᠴᠠᠵᠣ᠂ ᠬᠥᠴᠥ ᠰᠡᠳᠬᠢᠯ ᠢᠶᠠᠨ | ᠬᠠᠮᠳᠤᠳᠬᠠᠨ᠂ ᠬᠥᠴᠢᠷ ᠪᠡᠷᠭᠡ ᠶᠢ ᠢᠯᠡᠨ ᠲᠠᠪᠠᠵᠤ ᠂ ᠬᠠᠳᠠᠭᠤᠵᠢᠨ ᠵᠤᠷᠢᠭᠵᠢᠵᠥ ᠤᠷᠤᠭᠰᠢᠯᠠᠨ᠂ ᠠᠵᠥ ᠠᠬᠤᠢ | ᠂ ᠤᠯᠤᠰ ᠲᠥᠷᠥ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠶᠢ ᠪᠦᠭᠦ | ᠲᠠᠯ᠎ᠠ ᠪᠠᠷ ᠲᠦᠯᠬᠢᠨ ᠠᠬᠢᠭᠤᠯᠵᠤ᠂ ᠨᠠᠮ ᠤᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠂ ︽ᠠᠷᠪᠠᠨ | ᠬᠤᠶᠠᠳᠤᠭᠠᠷ ᠲᠠᠪᠤᠨ ᠵᠢᠯ︾ ᠤᠨ ᠲᠦᠯᠦᠪᠵᠢᠭᠦᠯᠬᠡ ᠳᠤ ᠲᠤᠭᠳᠠᠭᠠᠭᠰᠠᠨ ᠬᠠᠷᠠᠯᠳᠠ ᠡᠭᠦᠷᠭᠡ ᠪᠠᠨ ᠠᠮᠵᠢᠯᠲᠠ | ᠲᠠᠢ ᠪᠡᠶᠡᠯᠡᠭᠦᠯᠵᠤ᠂ ᠪᠥᠬᠦ ᠬᠤᠰᠢᠭᠤᠨ ᠤ ᠦᠭᠡᠷᠡᠴᠢᠯᠡᠯᠳᠡ ᠬᠦᠭᠵᠢᠭᠦᠯᠦᠯᠳᠡ ᠶᠢᠨ ᠰᠢᠨ᠎ᠡ ᠪᠠᠶᠢᠳᠠᠯ ᠢ ᠡᠭᠦᠳᠴᠤ᠂ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠳᠤ ᠪᠠᠳᠤ ᠪᠠᠬᠢ ᠰᠠᠭᠤᠷᠢ ᠶᠢ ᠲᠠᠯᠪᠢᠪᠠ᠃ | —— ᠠᠵᠤ ᠦᠢᠯᠡᠰ ᠤᠨ ᠪᠥᠳᠥᠴᠡ ᠪᠠᠨ ᠲᠤᠬᠢᠷᠠᠭᠤᠯᠤᠨ ᠰᠢᠯᠢᠳᠡᠭᠵᠢᠭᠦᠯᠵᠤ᠂ ᠠᠵᠤ ᠠᠬᠤᠢ ᠶᠢᠨ | ᠶᠡᠷᠦᠩᠬᠡᠶᠢᠯᠡᠭᠰᠡᠨ ᠪᠤᠳᠠᠳᠤ ᠬᠦᠴᠦᠨ ᠢᠯᠡᠷᠬᠡᠢ ᠴᠢᠩᠭᠠᠷᠠᠪᠠ᠃ ︽ᠠᠷᠪᠠᠨ ᠬᠤᠶᠠᠳᠤᠭᠠᠷ ᠲᠠᠪᠤᠨ ᠵᠢᠯ ︾ ᠤᠨ | ᠬᠤᠭᠤᠴᠠᠭᠠᠨ ᠳᠤ᠂ ᠪᠦᠬᠦ ᠬᠤᠰᠢᠭᠤᠨ ᠤ ᠭᠠᠵᠠᠷ ᠣᠷᠣᠨ ᠤ ᠤᠶᠢᠯᠡᠳᠪᠥᠷᠢᠯᠡᠯ ᠤᠨ ᠶᠡᠷᠤᠩᠭᠡᠢ ᠥᠷᠳᠡᠭ ᠵᠢᠯ | ᠳᠤᠮᠳᠠᠴᠢ 10.8% ᠪᠠᠷ ᠨᠡᠮᠡᠭᠳᠡᠪᠡ︔ 500 ᠲᠦᠮᠡ ᠠᠴᠠ ᠳᠡᠭᠡᠭᠰᠢᠬᠢ ᠲᠤᠭᠳᠠᠮᠠᠯ ᠬᠥᠷᠥᠩᠭᠡ ᠶᠢᠨ | ᠤᠷᠤᠭᠤᠯᠤᠯᠳᠠ ᠵᠢᠯ ᠳᠤᠮᠳᠠᠴᠢ 23.8% ᠪᠠᠷ ᠨᠡᠮᠡᠭᠳᠡᠪᠡ︔ ᠡᠩ ᠤᠨ ᠨᠠᠶᠢᠳᠡ ᠶᠢᠨ ᠲᠥᠰᠥᠪᠯᠡᠭᠰᠡᠨ ᠤᠷᠤᠯᠭ᠎ᠠ | 11.2% ᠪᠠᠷ ᠨᠡᠮᠡᠭᠳᠡᠪᠡ︔ ᠬᠤᠲᠠ ᠪᠠᠯᠭᠠᠰᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠭᠦᠮᠦᠨ ᠪᠦᠷᠢ | ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ 32399 ᠲᠦᠭᠦᠷᠢᠭ ᠲᠤ ᠬᠥᠷᠴᠥ᠂ ᠵᠢᠯ ᠳᠤᠮᠳᠠᠴᠢ 11. | 3% ᠪᠠᠷ ᠨᠡᠮᠡᠭᠳᠡᠪᠠ︔ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠭᠦᠮᠦᠨ ᠪᠦᠷᠢ | ᠳᠤ ᠲᠡᠭᠰᠢᠳᠬᠡᠭᠰᠡᠨ ᠡᠵᠡᠮᠳᠡᠵᠦ ᠪᠤᠯᠬᠤ ᠤᠷᠤᠯᠭ᠎ᠠ 15072 ᠲᠦᠭᠦᠷᠢᠭ ᠲᠤ ᠬᠥᠷᠴᠥ᠂ ᠵᠢᠯ ᠳᠤᠮᠳᠠᠴᠢ 16. | 3% ᠪᠠᠷ ᠨᠡᠮᠡᠭᠳᠡᠪᠠ︔ ᠭᠤᠷᠪᠠᠨ ᠠᠵᠣ ᠣᠶᠢᠯᠡᠰ ᠤᠨ ᠪᠥᠳᠥᠴᠡ ᠶᠢ ︽ ᠠᠷᠪᠠᠨ ᠨᠢᠭᠡᠳᠦᠭᠡᠷ ᠲᠠᠪᠤᠨ ᠵᠢᠯ ︾ | ᠤᠨ ᠰᠡᠭᠦᠯᠴᠢ ᠶᠢᠨ 6.6:64.1:29.3 ᠠᠴᠠ5.8:61:33.2 ᠪᠣᠯᠭᠠᠨ ᠲᠤᠬᠢᠷᠠᠭᠤᠯᠪᠠ᠃ | —— ᠰᠠᠭᠤᠷᠢ ᠲᠦᠬᠦᠭᠡᠷᠦᠮᠵᠢ ᠲᠠᠰᠤᠷᠠᠯᠳᠠ ᠥᠬᠡᠢ ᠴᠢᠩᠭᠠᠷᠠᠵᠤ᠂ ᠬᠤᠰᠢᠭᠤ ᠤᠷᠤᠨ ᠤ ᠬᠦᠭᠵᠢᠯᠳᠡ ᠶᠢᠨ | ᠤᠷᠴᠢᠨ ᠲᠤᠭᠤᠷᠢᠨ ᠦᠷᠭᠦᠯᠵᠢᠯᠡᠨ ᠰᠠᠶᠢᠵᠢᠷᠠᠪᠠ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠱᠠᠭᠠᠷᠳᠠᠯᠭ᠎ᠠ | ᠶᠣᠰᠣᠭᠠᠷ᠂ ᠬᠠᠳᠤᠨ ᠭᠤᠤᠯ ᠤᠨ ᠦᠪᠦᠷ ᠮᠤᠩᠭᠤᠯ ᠤᠨ ᠬᠡᠰᠡᠭ ᠤᠨ ᠬᠦᠢᠪᠤᠷᠢ ᠶᠢᠨ ᠬᠦᠳᠡᠭᠡ ᠶᠢᠨ ᠤᠰᠤᠳᠤᠯ ᠢ | ᠰᠡᠷᠭᠡᠶᠢᠯᠡᠨ ᠦᠶᠡᠷ ᠢ ᠰᠠᠯᠭᠠᠬᠤ ᠪᠠᠴᠢᠮ ᠢ ᠠᠷᠭᠠᠴᠠᠬᠤ ᠢᠨᠵᠧᠨᠧᠷᠢᠩ ᠢ ᠠᠮᠵᠢᠯᠲᠠ ᠲᠠᠢ ᠬᠡᠷᠡᠭᠵᠢᠭᠦᠯᠵᠦ᠂ | ᠪᠠᠶᠠᠨᠬᠤᠳᠠ ᠵᠢᠴᠢ ᠵᠠᠮ ᠲᠠᠭᠠᠤ ᠰᠤᠮᠤ ᠪᠠᠯᠭᠠᠰᠤᠨ ᠤ ᠠᠮᠤᠷ ᠲᠦᠪᠰᠢᠨ ᠤᠤᠭᠤᠬᠤ ᠤᠰᠤᠨ ᠤ ᠢᠨᠵᠧᠨᠧᠷᠢᠩ | ᠪᠠᠶᠢᠭᠤᠯᠣᠭᠳᠠᠨ ᠠᠰᠢᠭᠯᠠᠯᠲᠠ ᠳᠤ ᠣᠷᠣᠵᠤ᠂ ᠬᠤᠳᠳᠤᠭ ᠢᠶᠠᠷ ᠤᠰᠤᠯᠠᠬᠤ ᠤᠷᠤᠨ ᠤ ᠭᠠᠵᠠᠷ ᠲᠤᠤᠷᠠᠬᠢ ᠤᠰᠤ | ᠶᠢ ᠬᠡᠷᠡᠭᠯᠡᠬᠦ ᠪᠠ ᠨᠥᠭᠦᠪᠥᠷᠢᠯᠡᠬᠦ ᠶᠢ ᠲᠡᠩᠴᠡᠬᠦᠷᠢᠳᠠᠢ ᠪᠠᠶᠢᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠯᠢᠨ | ᠾᠧ ᠠᠴᠠ ᠴᠡᠭᠡ ᠬᠦᠷᠬᠦ ᠲᠡᠮᠤᠷ ᠵᠠᠮ᠂ ᠢᠷᠭᠠᠢ ᠠᠴᠠ ᠪᠠᠶᠠᠨᠬᠤᠳᠠ ᠬᠦᠷᠬᠦ ᠲᠦᠷᠭᠡᠨ ᠵᠠᠮ᠂ ᠵᠠᠩ ᠵᠢᠶᠠ ᠹᠠᠩ | ᠠᠴᠠ ᠴᠠᠬᠠᠷ ᠤᠨ ᠬᠥᠳᠡᠭᠡ ᠬᠥᠷᠬᠦ ᠲᠥᠷᠭᠡᠨ ᠵᠠᠮ᠂ ᠬᠠᠳᠠᠭᠤᠬᠤᠳᠳᠤᠭ ᠠᠴᠠ ᠰᠤᠬᠠᠶᠢᠳᠥ ᠬᠦᠷᠬᠦ ᠨᠢᠭᠡᠳᠤᠭᠡᠷ | ᠲᠡᠰ ᠤᠨ ᠵᠠᠰᠠᠮᠠᠯ ᠵᠠᠮ ᠠᠰᠢᠭᠯᠠᠯᠲᠠ ᠳᠤ ᠣᠷᠣᠨ ᠲᠡᠷᠭᠡ ᠨᠡᠪᠲᠡᠷᠡᠵᠦ᠂ ᠪᠡᠭᠡᠵᠢᠩ ᠠᠴᠠ ᠰᠢᠨᠵᠢᠶᠠᠩ ᠬᠦᠷᠬᠦ | ᠲᠦᠷᠭᠡᠨ ᠵᠠᠮ ᠤᠨ ᠠᠯᠠᠱᠠ ᠵᠡᠭᠦᠨ ᠬᠤᠰᠢᠭᠤᠨ ᠤ ᠬᠡᠰᠡᠭ ᠪᠦᠭᠦ ᠲᠠᠯ᠎ᠠ ᠪᠠᠷ ᠠᠵᠢᠯ ᠢᠶᠠᠨ ᠡᠬᠢᠯᠡᠭᠦᠯᠪᠡ᠃ | ᠠᠵᠢᠯ ᠤᠨ ᠬᠡᠷᠡᠭᠯᠡᠬᠡᠨ ᠤ ᠨᠢᠰᠬᠡᠯ ᠤᠨ ᠪᠠᠭᠤᠳᠠᠯ ᠠᠰᠢᠭᠯᠠᠯᠲᠠ ᠳᠤ ᠣᠷᠣᠵᠤ᠂ ᠠᠯᠠᠱᠠ ᠵᠡᠭᠦᠨ ᠬᠤᠰᠢᠭᠤᠨ ᠤ | ᠠᠷᠠᠳ ᠤᠨ ᠬᠡᠷᠡᠭᠴᠡᠭᠡᠨ ᠤ ᠠᠭᠠᠷ ᠤᠨ ᠠᠶᠠᠯᠠᠯ ᠦᠬᠡᠢ ᠲᠡᠤᠭᠡ ᠶᠢ ᠡᠴᠥᠰᠯᠡᠭᠦᠯᠪᠡ᠃ ᠬᠤᠳᠠ | ᠪᠠᠯᠭᠠᠰᠤᠵᠢᠯᠳᠠ ᠶᠢᠨ ᠠᠬᠢᠴᠠ ᠶᠢ ᠲᠦᠷᠭᠡᠳᠬᠡᠵᠦ᠂ ᠠᠮᠢ ᠠᠬᠤᠢ ᠶᠢᠨ ᠤᠷᠴᠢᠨ ᠲᠤᠭᠤᠷᠢᠨ ᠦᠷᠭᠦᠯᠵᠢᠯᠡᠨ | ᠰᠠᠶᠢᠵᠢᠷᠠᠨ᠂ ᠦᠭᠡᠷᠡᠴᠢᠯᠡᠯᠳᠡ ᠶᠢ ᠪᠦᠭᠦ ᠲᠠᠯ᠎ᠠ ᠪᠠᠷ ᠭᠦᠨᠵᠡᠭᠡᠶᠢᠷᠠᠭᠦᠯᠬᠦ ᠠᠵᠢᠯ ᠢ ᠭᠦᠨᠵᠡᠭᠡᠢ ᠠᠬᠢᠭᠤᠯᠵᠤ᠂ ᠠᠵᠤ | ᠠᠬᠤᠢ ᠨᠡᠶᠢᠬᠡᠮ ᠤᠨ ᠬᠥᠭᠵᠢᠯᠲᠡ ᠶᠢᠨ ᠣᠷᠴᠢᠨ ᠲᠣᠭᠤᠷᠢᠨ ᠤᠯᠠᠮ ᠰᠢᠯᠢᠳᠡᠭᠵᠢᠪᠡ᠃ | —— ᠨᠡᠶᠢᠭᠡᠮ ᠤᠨ ᠠᠵᠢᠯ ᠦᠢᠯᠡᠰ ᠪᠦᠭᠦ ᠲᠠᠯ᠎ᠠ ᠪᠠᠷ ᠲᠠᠪᠰᠢᠵᠤ᠂ ᠠᠷᠠᠳ ᠤᠨ ᠠᠮᠢᠳᠤᠷᠠᠯ ᠤᠨ ᠪᠠᠳᠤᠯᠠᠭᠠᠨ | ᠤ ᠲᠦᠪᠰᠢᠨ ᠡᠳᠤᠷ ᠢᠷᠡᠭᠦᠶ᠎ᠡ ᠲᠡᠭᠡᠭᠰᠢᠯᠡᠪᠠ᠃ ᠡᠳ᠋ ᠤᠨ ᠵᠠᠰᠠᠭ ᠠᠴᠠ ᠠᠷᠠᠳ ᠤᠨ ᠠᠮᠢᠳᠤᠷᠠᠯ ᠳᠤ ᠬᠡᠷᠡᠭᠰᠡᠬᠦ | ᠣᠷᠤᠭᠤᠯᠤᠯᠲᠠ ᠦᠷᠬᠦᠯᠵᠢᠯᠡᠨ ᠨᠡᠮᠡᠭᠳᠡᠵᠤ᠂ ᠮᠠᠯᠵᠢᠬᠤ ᠲᠠᠷᠢᠶᠠᠯᠠᠬᠤ ᠤᠷᠤᠨ ᠤ ︽ ᠠᠷᠪᠠ ᠶᠢ ᠪᠦᠷᠬᠦᠬᠦᠯᠬᠦ︾ ᠂ | ︽ᠭᠤᠷᠪᠠ ᠶᠢ ᠲᠤᠰᠬᠤᠨ᠂ ᠡᠷᠤᠭᠡ ᠳᠤ ᠬᠥᠷᠬᠡᠬᠦ ︾ ᠤᠨᠤᠪᠴᠢᠳᠠᠢ ᠪᠠᠷ ᠶᠠᠳᠠᠭᠤ ᠶᠢ ᠲᠡᠳᠭᠦᠭᠦ᠂ ᠠᠮᠢ ᠠᠬᠤᠢ | ᠬᠡᠪᠡᠷᠡᠭ ᠤᠷᠤᠨ ᠠᠴᠠ ᠠᠷᠠᠳ ᠢ ᠨᠡᠭᠦᠯᠬᠡᠨ ᠲᠥᠪᠬᠢᠨᠡᠬᠦᠯᠬᠦ᠂ ᠪᠦᠷᠭᠡ ᠭᠡᠷ ᠤᠨ ᠦᠭᠡᠷᠡᠴᠢᠯᠡᠯᠳᠡ᠂ ᠰᠤᠷᠭᠠᠭᠤᠯᠢ | ᠶᠢᠨ ᠠᠮᠣᠷ ᠲᠥᠪᠰᠢᠨ ᠤ ᠢᠨᠵᠧᠨᠧᠷᠢᠩ᠂ ᠠᠷᠪᠠᠨ ᠲᠠᠪᠤᠨ ᠵᠢᠯ ᠤᠨ ᠰᠤᠷᠤᠯᠭ᠎ᠠ ᠶᠢᠨ ᠰᠦᠢᠳᠬᠡᠯ ᠬᠤᠷᠢᠶᠠᠬᠤ | ᠥᠬᠡᠢ ᠰᠤᠷᠭᠠᠨ ᠬᠦᠮᠦᠵᠢᠯ᠂ ᠰᠦᠢᠳᠬᠡᠯ ᠥᠬᠡᠢ ᠨᠡᠶᠢᠳᠡ ᠶᠢᠨ ᠮᠠᠰᠢᠨ ᠲᠡᠷᠭᠡ ᠵᠡᠷᠭᠡ ᠨᠢᠬᠡ ᠰᠢᠷᠢᠰ ᠴᠢᠬᠤᠯᠠ | ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ | ᠰᠠᠭᠤᠷᠢ ᠲᠦᠭᠦᠬᠡᠷᠦᠮᠵᠢ ᠢᠯᠠᠷᠬᠡᠢ ᠰᠠᠶᠢᠵᠢᠷᠠᠨ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠨᠡᠶᠢᠭᠡᠮ ᠤᠨ | ᠪᠠᠳᠤᠯᠠᠭ᠎ᠠ ᠶᠢᠨ ᠰᠢᠰᠲ᠋ᠧᠮ ᠴᠢᠨᠠᠭᠰᠢᠳᠠ ᠲᠡᠭᠦᠯᠳᠡᠷᠵᠢᠵᠤ᠂ ᠠᠷᠠᠳ ᠲᠦᠮᠡᠨ ᠤ ᠠᠵᠠ ᠵᠢᠷᠭᠠᠯ ᠤᠨ ᠬᠡᠮᠵᠢᠶ᠎ᠡ | ᠤᠯᠠᠮ ᠨᠢᠭᠡ ᠠᠯᠬᠤᠮ ᠳᠡᠭᠡᠭᠰᠢᠯᠡᠪᠡ᠃ ᠤᠯᠠᠨ ᠲᠦᠮᠡᠨᠴᠢ ᠤᠶᠤᠨ ᠤ ᠪᠤᠯᠪᠠᠰᠤᠨ ᠢ ᠡᠭᠦᠳᠤᠨ ᠪᠠᠶᠢᠭᠤᠯᠬᠤ | ᠬᠥᠳᠡᠯᠭᠡᠭᠡᠨ ᠢ ᠦᠷᠭᠡᠨ ᠢᠶᠠᠷ ᠥᠷᠨᠢᠭᠦᠯᠵᠦ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ | ᠬᠥᠮᠥᠰ ᠤᠨ ᠰᠡᠳᠬᠢᠯ ᠳᠤ ᠬᠠᠳᠠᠩᠰᠢᠵᠣ᠂ ᠡᠷᠭᠡᠳᠤ ᠠᠷᠠᠳ ᠤᠨ ᠪᠤᠯᠪᠠᠰᠤᠨ ᠤ ᠬᠡᠮᠵᠢᠶ᠎ᠡ ᠨᠡᠶᠢᠳᠡᠮ | ᠲᠡᠭᠡᠭᠰᠢᠯᠡᠪᠡ᠃ ᠬᠠᠤᠯᠢ ᠪᠠᠷ ᠬᠤᠰᠢᠭᠤ ᠪᠠᠨ ᠵᠠᠰᠠᠬᠤ ᠰᠢᠨ᠎ᠡ ᠠᠶᠠᠨ ᠵᠠᠮ ᠢᠶᠠᠨ ᠪᠦᠭᠦ ᠲᠠᠯ᠎ᠠ ᠪᠠᠷ ᠡᠬᠢᠯᠡᠭᠦᠯᠵᠤ᠂ | ︽ᠠᠮᠤᠭᠤᠯᠠᠩ ᠠᠯᠠᠱᠠ ᠵᠡᠬᠦᠨ ᠬᠤᠰᠢᠭᠤ︾ ᠶᠢᠨ ᠪᠠᠶᠢᠭᠤᠯᠤᠯᠳᠠ ᠶᠢ ᠬᠦᠨᠵᠡᠭᠡᠢ ᠠᠬᠢᠭᠤᠯᠤᠨ᠂ ᠦᠨᠳᠦᠰᠤᠳᠡᠨ | ᠱᠠᠰᠢᠨ ᠰᠤᠷᠳᠠᠬᠤᠨ ᠪᠠ ᠬᠤᠶᠠᠷ ᠢ ᠭᠦᠷᠢᠶᠡᠯᠡᠵᠥ ᠬᠠᠮᠳᠤᠪᠡᠷ ᠪᠠᠶᠢᠭᠤᠯᠬᠤ ᠠᠵᠢᠯ ᠦᠷᠭᠦᠯᠵᠢᠯᠡᠨ ᠴᠢᠩᠭᠠᠷᠠᠵᠤ ᠂ | ᠥᠨᠳᠤᠰᠤᠳᠡᠨ ᠪᠥᠯᠬᠦᠮᠳᠡᠨ᠂ ᠨᠡᠶᠢᠬᠡᠮ ᠡᠶ᠎ᠡ ᠵᠤᠬᠢᠴᠠᠯᠳᠠᠢ᠂ ᠬᠢᠯᠢ ᠬᠢᠵᠠᠭᠠᠷ ᠠᠮᠥᠷ ᠲᠤᠭᠳᠠᠭᠤᠨ᠂ ᠠᠵᠤ ᠠᠬᠤᠢ | ᠬᠥᠭᠵᠢᠭᠰᠡᠨ᠂ ᠠᠷᠠᠳ ᠲᠥᠮᠡᠨ ᠠᠮᠥᠷ ᠵᠢᠷᠭᠠᠯᠳᠠᠢ ᠠᠵᠥ ᠲᠦᠷᠦᠭᠰᠡᠨ ᠨᠡᠶᠢᠬᠡᠮ ᠤᠨ ᠶᠡᠭᠡ ᠪᠠᠶᠢᠳᠠᠯ ᠤᠯᠠᠮ | ᠲᠣᠭᠲᠠᠪᠤᠷᠢᠵᠢᠪᠠ᠃ | —— ᠨᠠᠮ ᠤᠨ ᠪᠠᠶᠢᠭᠤᠯᠤᠯᠳᠠ ᠶᠢ ᠪᠦᠭᠦ ᠲᠠᠯ᠎ᠠ ᠪᠠᠷ ᠴᠢᠩᠭᠠᠳᠬᠠᠵᠤ᠂ ᠤᠳᠤᠷᠢᠳᠤᠯᠭ᠎ᠠ ᠶᠢᠨ ᠭᠤᠣᠯᠯᠠᠭᠴᠢ | ᠦᠢᠯᠡᠳᠦᠯ ᠦᠷᠭᠦᠯᠵᠢᠯᠡᠨ ᠴᠢᠩᠭᠠᠷᠠᠪᠠ᠃ ᠲᠡᠷᠢᠭᠦᠨ ᠤ ᠬᠢ ᠶᠢ ᠡᠭᠦᠳᠴᠥ ᠰᠢᠯᠢᠳᠡᠭ ᠪᠤᠯᠬᠤ ᠪᠠᠷ ᠴᠢᠷᠮᠠᠶᠢᠬᠤ ᠂ | ᠨᠠᠮ ᠤᠨ ᠤᠯᠠᠨ ᠲᠥᠮᠡᠨᠴᠢ ᠱᠤᠭᠤᠮ ᠤᠨ ᠬᠥᠮᠥᠵᠢᠯ ᠤᠶᠢᠯᠡᠳᠤᠯᠭᠡ ᠶᠢᠨ ᠠᠵᠢᠯᠯᠠᠭ᠎ᠠ ᠪᠠ ︽ ᠭᠤᠷᠪᠠᠨ ᠴᠢᠩᠭ᠎ᠠ | ᠭᠤᠷᠪᠠᠨ ᠪᠣᠳᠠᠲᠠᠢ︾ ᠲᠤᠰᠬᠠᠢ ᠰᠡᠳᠤᠪᠳᠤ ᠬᠦᠮᠦᠵᠢᠯ ᠢ ᠬᠢᠨᠠᠮᠠᠭᠠᠢ ᠵᠤᠬᠢᠶᠠᠨ ᠪᠠᠶᠢᠭᠤᠯᠤᠨ ᠥᠷᠨᠢᠭᠦᠯᠵᠦ᠂ ᠲᠦᠪ | ᠤᠨ ᠨᠠᠢᠮᠠᠨ ᠲᠤᠭᠳᠠᠭᠠᠯ ᠪᠠ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶᠠᠨ ᠤ ᠬᠠᠮᠢᠶ᠎ᠠ ᠪᠦᠭᠦᠢ ᠲᠥᠬᠦᠷᠵᠢᠭᠦᠯᠥᠭᠰᠡᠨ ᠲᠤᠭᠳᠠᠭᠠᠯ ᠢ ᠪᠦᠭᠦ ᠲᠠᠯ᠎ᠠ ᠪᠠᠷ ᠲᠤᠤᠱᠯᠠᠭᠤᠯᠵᠤ᠂ ︽ | ᠲᠥᠷᠪᠡᠨ ᠰᠤᠷᠳᠠᠯ︾ ᠤᠨ ᠠᠰᠠᠭᠤᠳᠠᠯ ᠪᠦᠳᠦᠮᠵᠢᠳᠠᠢ ᠬᠢᠵᠠᠭᠠᠷᠯᠠᠭᠳᠠᠨ᠂ ᠬᠡᠪ ᠰᠤᠷᠲᠠᠯ ᠤᠨ ᠪᠠᠶᠢᠭᠤᠯᠤᠯᠲᠠ ᠶᠢᠨ | ᠪᠠᠶᠢᠩᠭᠤ ᠪᠦᠲᠦᠮᠵᠢᠲᠤ ᠲᠣᠭᠲᠠᠯᠴᠠᠭ᠎ᠠ ᠠᠩᠬ᠎ᠠ ᠠᠯᠬᠤᠮ ᠪᠦᠷᠢᠯᠳᠦᠵᠦ᠂ ᠢᠯᠵᠠᠷᠠᠮᠠᠯ ᠢ ᠵᠠᠯᠬᠠᠭᠠᠬᠤ ᠪᠠ ᠰᠡᠷᠭᠡᠶᠢᠯᠡᠭᠦ | ᠰᠢᠰᠲ᠋ᠧᠮ ᠢ ᠪᠦᠷᠢᠨ ᠲᠡᠭᠦᠯᠳᠡᠷᠵᠢᠭᠦᠯᠵᠤ᠂ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠬᠦᠨᠵᠡᠬᠡᠢ ᠠᠬᠢᠭᠤᠯᠤᠨ᠂ ᠨᠢᠭᠡ ᠪᠦᠯᠦᠭ ᠬᠠᠤᠯᠢ ᠰᠠᠭᠢᠯᠭ᠎ᠠ ᠠᠴᠠ ᠵᠦᠷᠢᠴᠡᠭᠰᠡᠨ ᠬᠡᠷᠡᠭ ᠢ ᠲᠥᠪ ᠴᠢᠩᠭ᠎ᠠ ᠪᠠᠷ | ᠪᠠᠶᠢᠴᠠᠭᠠᠨ ᠰᠢᠢᠳᠪᠦᠷᠢᠯᠡᠵᠤ ᠂ ᠬᠡᠪ ᠰᠤᠷᠳᠠᠯ ᠠᠷᠢᠭᠤᠨ ᠴᠢᠭᠡᠴᠢ ᠪᠠᠶᠢᠬᠤ ᠤᠯᠤᠰ ᠲᠦᠷᠦ ᠶᠢᠨ ᠤᠷᠴᠢᠨ ᠢ | ᠤᠯᠠᠮ ᠨᠢᠭᠡ ᠠᠯᠬᠤᠮ ᠪᠤᠢ ᠪᠤᠯᠭᠠᠪᠠ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ | ᠴᠠᠭᠠᠵᠠ ᠶᠢᠨ ᠬᠢᠨᠠᠯᠳᠠ ᠪᠠ ᠤᠯᠤᠰ ᠲᠦᠷᠦ ᠶᠢᠨ ᠵᠦᠪᠯᠡᠯᠭᠡᠨ ᠤ ᠤᠯᠤᠰ ᠲᠦᠷᠦ ᠢᠶᠠᠷ ᠵᠦᠪᠯᠡᠬᠦ᠂ | ᠠᠷᠠᠳᠴᠢᠯᠠᠯ ᠢᠶᠠᠷ ᠬᠢᠨᠠᠯᠳᠠ ᠲᠠᠯᠪᠢᠬᠤ᠂ ᠵᠠᠰᠠᠭ ᠤᠨ ᠶᠠᠪᠥᠳᠠᠯ ᠳᠤ ᠣᠷᠣᠯᠴᠠᠵᠥ ᠵᠠᠰᠠᠭ ᠤᠨ ᠶᠠᠪᠥᠳᠠᠯ ᠢ | ᠵᠦᠪᠯᠡᠭᠦ ᠦᠢᠯᠡᠳᠥᠯ ᠢᠶᠠᠨ ᠭᠦᠢᠴᠡᠳ ᠪᠠᠳᠠᠷᠠᠭᠤᠯᠵᠤ᠂ ᠨᠢᠭᠡᠳᠤᠮᠡᠯ ᠹᠷᠤᠨᠲ᠂ ᠠᠷᠠᠳ ᠤᠨ ᠵᠡᠪᠰᠡᠭᠳᠤ ᠬᠥᠴᠥᠨ | ᠪᠠ ᠬᠤᠶᠢᠴᠢ ᠦᠶ᠎ᠡ ᠶᠢᠨ ᠬᠢᠨ ᠢ ᠬᠠᠷᠭᠠᠯᠵᠠᠬᠤ ᠠᠵᠢᠯ ᠢ ᠲᠡᠭᠡᠳᠤ ᠬᠡᠮᠵᠢᠶ᠎ᠡ ᠪᠠᠷ ᠬᠦᠨᠳᠦᠳᠬᠡᠨ᠂ ᠠᠵᠢᠯᠴᠢᠨ | ᠤ ᠡᠪᠯᠡᠯ᠂ ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ᠂ ᠦᠢᠯᠡᠳᠪᠤᠷᠢ | ᠬᠤᠳᠠᠯᠳᠤᠭᠠᠨ ᠤ ᠬᠤᠯᠪᠤᠭ᠎ᠠ ᠵᠢᠴᠢ ᠵᠡᠮᠳᠡᠭᠴᠤᠳ ᠤᠨ ᠬᠤᠯᠪᠤᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ᠂ | ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ ᠵᠡᠷᠭᠡ ᠤᠯᠠᠨ ᠲᠦᠮᠡᠨᠴᠢ | ᠪᠦᠯᠬᠦᠮ ᠤᠨ ᠠᠵᠢᠯ ᠢ ᠪᠦᠭᠦ ᠲᠠᠯ᠎ᠠ ᠪᠠᠷ ᠴᠢᠩᠭᠠᠳᠬᠠᠵᠤ᠂ ᠨᠠᠮ ᠠᠴᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠤᠳᠤᠷᠢᠳᠬᠤ ᠴᠢᠳᠠᠪᠤᠷᠢ ᠪᠠ ᠬᠢᠷᠢ ᠲᠦᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ | ᠣᠨᠴᠠᠭᠠᠶᠢᠯᠠᠨ ᠨᠣᠲᠠᠯᠠᠭᠤᠰᠢᠲᠠᠢ ᠨᠢ᠂ ᠮᠠᠯᠵᠢᠬᠤ ᠲᠠᠷᠢᠶᠠᠯᠠᠬᠤ ᠤᠷᠤᠨ ᠤ ︽ᠠᠷᠪᠠ ᠶᠢ ᠪᠦᠷᠬᠦᠬᠦᠯᠬᠦ ︾ | ᠭᠡᠳᠡᠭ ᠡᠨᠡᠬᠦ ᠪᠦᠬᠦ ᠣᠷᠣᠨ ᠤ ᠬᠠᠮᠤᠭ ᠤᠨ ᠶᠡᠭᠡ ᠶᠡᠷᠦᠩᠬᠡᠶᠢᠯᠡᠭᠰᠡᠨ ᠴᠢᠨᠠᠷᠲᠠᠢ ᠠᠷᠠᠳ ᠤᠨ ᠠᠮᠢᠳᠤᠷᠠᠯ ᠤᠨ | ᠢᠨᠵᠧᠨᠧᠷᠢᠩ ᠢ ᠪᠦᠬᠦ ᠬᠦᠴᠦ ᠪᠠᠷ ᠲᠦᠯᠬᠢᠨ ᠠᠬᠢᠭᠤᠯᠬᠤ ᠶᠠᠪᠣᠴᠠ ᠳᠤ᠂ ᠡᠯ᠎ᠡ ᠱᠠᠲᠤᠨ ᠤ ᠤᠳᠤᠷᠢᠳᠤᠯᠭ᠎ᠠ᠂ | ᠳᠠᠭᠠᠭᠠᠴᠢᠯᠠᠨ ᠬᠠᠷᠢᠯᠴᠠᠬᠤ ᠪᠠᠶᠢᠭᠤᠯᠭ᠎ᠠ ᠪᠠ ᠰᠤᠮᠤ ᠪᠠᠯᠭᠠᠰᠤᠨ ᠤ ᠥᠷᠭᠡᠨ ᠣᠯᠠᠨ ᠨᠠᠮ ᠤᠨ ᠭᠡᠰᠢᠭᠦᠨ᠂ | ᠺᠠᠳ᠋ᠷᠴᠣᠳ᠂ ᠬᠠᠯᠠ ᠶᠢ ᠣᠨᠴᠠᠭᠠᠢ ᠰᠠᠶᠢᠨ ᠳᠠᠭᠠᠭᠠᠵᠤ ᠴᠢᠳᠠᠬᠤ ᠂ ᠣᠨᠴᠠᠭᠠᠢ ᠰᠠᠶᠢᠨ ᠪᠠᠶᠢᠯᠳᠤᠵᠤ ᠴᠢᠳᠠᠬᠤ᠂ | ᠬᠦᠴᠢᠷ ᠪᠣᠭᠤᠮᠳᠠ ᠶᠢ ᠣᠨᠴᠠᠭᠠᠢ ᠰᠠᠶᠢᠨ ᠰᠢᠪᠳᠣᠯᠵᠣ ᠴᠢᠳᠠᠬᠤ ᠵᠣᠷᠢᠭ ᠰᠠᠨᠠᠭ᠎ᠠ ᠶᠢ ᠭᠦᠢᠴᠡᠳ ᠪᠠᠳᠠᠷᠠᠭᠤᠯᠤᠨ᠂ | ᠵᠣᠷᠢᠭ ᠲᠠᠢ ᠲᠡᠮᠡᠴᠡᠵᠣ᠂ ᠠᠯᠵᠢᠶᠠᠯ ᠢ ᠬᠠᠶᠢᠬᠤᠷᠤᠯ ᠦᠭᠡᠢ᠂ ᠦᠷᠭᠦᠯᠵᠢᠯᠡᠨ ᠪᠠᠶᠢᠯᠳᠤᠬᠤ ᠲᠡᠰᠪᠦᠷᠢ | ᠬᠠᠲᠠᠭᠤᠵᠢᠯᠲᠠᠢ ᠰᠤᠷᠲᠠᠯ ᠢ ᠪᠠᠳᠠᠷᠠᠭᠤᠯᠵᠤ᠂ ᠠᠭᠠᠬᠢᠮ᠎ᠠ ᠬᠠᠯᠠᠭᠤᠨ ᠲᠠᠰᠬᠢᠮ᠎ᠠ ᠬᠦᠢᠲᠡᠨ ᠢ ᠲᠡᠰᠪᠦᠷᠢᠯᠡᠵᠦ᠂ | ᠠᠮᠠᠷᠠᠯᠲᠠ ᠠᠨᠢᠷᠠᠯᠳᠠ ᠦᠭᠡᠢ ᠪᠠᠷ᠂ ᠮᠠᠯᠵᠢᠬᠤ ᠲᠠᠷᠢᠶᠠᠯᠠᠬᠤ ᠤᠷᠤᠨ ᠤ ︽ ᠠᠷᠪᠠ ᠶᠢ ᠪᠦᠷᠬᠦᠬᠦᠯᠬᠦ ︾ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠮᠦᠨ᠎ᠡ ᠹᠠᠷᠤᠨᠲ ᠳᠡᠭᠡᠷ᠎ᠡ ᠪᠦᠬᠦ ᠰᠡᠳᠬᠢᠯ ᠬᠦᠴᠦ ᠪᠠᠷ | ᠭᠠᠪᠰᠢᠭᠠᠶᠢᠯᠠᠵᠣ᠂ ᠠᠷᠠᠳ ᠣᠯᠠᠨ ᠲᠠᠢ ᠢᠳᠡᠬᠦ᠂ ᠰᠠᠭᠤᠬᠤ᠂ ᠬᠥᠳᠡᠯᠮᠦᠷᠢᠯᠡᠬᠦ ᠪᠠᠨ ᠬᠠᠮᠲᠤᠳᠬᠠᠨ᠂ ᠺᠠᠳ᠋ᠷᠴᠤᠳ | ᠤᠨ ᠬᠦᠴᠦ ᠬᠦᠯᠦᠰᠤ ᠪᠠᠷ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠲᠦᠷᠢ ᠲᠦᠷᠬᠦ ᠶᠢ ᠪᠣᠢ ᠪᠣᠯᠭᠠᠵᠣ᠂ | ᠪᠤᠳᠠᠳᠠᠢ ᠦᠢᠯᠡ ᠠᠵᠢᠯᠯᠠᠭ᠎ᠠ ᠪᠠᠷ ᠢᠶᠠᠨ ︽ᠣᠷᠭᠢᠯᠤᠮ᠎ᠠ ᠰᠡᠳᠬᠢᠯ ᠲᠠᠢ᠂ ᠬᠠᠲᠠᠭᠤᠵᠢᠯᠲᠠᠢ᠂ ᠬᠠᠷᠢᠭᠤᠴᠠᠯᠭᠠᠲᠠᠢ ᠂ | ᠴᠢᠭᠴᠢ ᠵᠢᠷᠤᠮ ᠲᠠᠢ︾ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠰᠢᠨ᠎ᠡ ᠲᠥᠷᠢ ᠳᠦᠷᠬᠦ ᠶᠢ ᠱᠤᠭᠤᠵᠤ᠂ | ᠪᠣᠳᠠᠲᠠᠢ ᠦᠢᠯᠡ ᠠᠵᠢᠯᠯᠠᠭ᠎ᠠ ᠪᠠᠷ ᠢᠶᠠᠨ ︽ ᠪᠦᠭᠦ ᠲᠠᠯ᠎ᠠ ᠶᠢ ᠪᠤᠳᠣᠯᠬᠢᠯᠡᠵᠥ᠂ ᠬᠠᠷᠡᠮ ᠦᠭᠡᠢ ᠵᠤᠷᠢᠭᠤᠯᠵᠥ᠂ | ᠴᠦᠭᠦᠷᠡᠰᠢ ᠦᠭᠡᠢ ᠴᠢᠷᠮᠠᠶᠢᠨ᠂ ᠬᠠᠳᠠᠭᠤᠵᠢᠯᠳᠠᠢ ᠲᠡᠮᠡᠴᠡᠭᠦ ︾ ᠠᠯᠠᠱᠠ ᠶᠢᠨ ᠵᠤᠷᠢᠭ ᠰᠠᠨᠠᠭ᠎ᠠ ᠶᠢ | ᠦᠢᠯᠡᠳᠦᠯᠭᠡᠵᠢᠭᠦᠯᠪᠡ᠃ | ᠲᠦᠯᠦᠭᠡᠯᠡᠭᠴᠢᠳ ᠡ︕ ᠲᠠᠪᠤᠨ ᠵᠢᠯ ᠤᠨ ᠬᠥᠭᠵᠢᠯᠲᠡ ᠪᠠᠨ ᠡᠷᠭᠢᠴᠡᠭᠦᠯᠭᠦ ᠳᠤ᠂ ᠠᠮᠵᠢᠯᠳᠠ ᠪᠦᠳᠦᠮᠵᠢ | ᠣᠯᠳᠠᠬᠤᠶ᠎ᠠ ᠪᠡᠷᠬᠡ᠂ ᠥᠩᠭᠡᠷᠡᠯᠲᠡ ᠬᠠᠲᠠᠭᠤᠵᠢᠯ ᠵᠦᠳᠡᠷᠡᠯ ᠲᠠᠢ᠂ ᠲᠤᠷᠰᠢᠯᠭ᠎ᠠ ᠶᠠᠭᠤᠨ ᠠᠴᠠ ᠴᠤ ᠨᠠᠨᠳᠢᠨ᠃ | ᠡᠨᠡ ᠲᠠᠪᠤᠨ ᠵᠢᠯ ᠪᠤᠯ᠂ ᠠᠵᠤ ᠠᠬᠤᠢ ᠶᠢᠨ ᠪᠥᠳᠥᠴᠡ ᠶᠢ ᠲᠣᠬᠢᠷᠠᠭᠤᠯᠬᠤ᠂ ᠬᠡᠯᠪᠡᠷᠢ ᠪᠠᠨ ᠬᠤᠪᠢᠷᠠᠭᠤᠯᠤᠨ | ᠲᠡᠰ ᠲᠡᠪᠰᠢᠬᠦᠯᠬᠦ ᠠᠯᠬᠤᠴᠠ ᠬᠠᠮᠤᠭ ᠠᠴᠠ ᠬᠤᠷᠳᠤᠨ ᠲᠠᠪᠤᠨ ᠵᠢᠯ᠂ ᠪᠣᠭᠤᠮᠢ ᠶᠢᠨ ᠬᠢᠵᠠᠭᠠᠷᠯᠠᠯ ᠢ ᠲᠤᠭᠤᠯᠵᠤ᠂ | ᠬᠥᠭᠵᠢᠯᠲᠡ ᠶᠢᠨ ᠣᠷᠴᠢᠨ ᠬᠠᠮᠤᠭ ᠠᠴᠠ ᠶᠡᠭᠡ ᠬᠤᠪᠢᠷᠠᠯᠲᠠ ᠭᠠᠷᠣᠭᠰᠠᠨ ᠲᠠᠪᠤᠨ ᠵᠢᠯ᠂ ᠨᠡᠶᠢᠭᠡᠮ ᠡᠶ᠎ᠡ | ᠵᠤᠬᠢᠴᠠᠩᠭᠤᠢ ᠪᠠᠷ ᠬᠦᠭᠵᠢᠵᠤ᠂ ᠠᠷᠠᠳ ᠲᠦᠮᠡᠨ ᠬᠠᠮᠤᠭ ᠠᠴᠠ ᠤᠯᠠᠨ ᠠᠰᠢᠭ ᠲᠤᠰᠠ ᠬᠦᠷᠳᠡᠭᠰᠡᠨ ᠲᠠᠪᠤᠨ ᠵᠢᠯ᠂ | ᠨᠠᠮ ᠤᠨ ᠬᠡᠰᠢᠭᠦᠨ ᠺᠠᠳ᠋ᠷᠴᠤᠳ ᠪᠠ ᠤᠯᠠᠨ ᠲᠥᠮᠡᠨ ᠤ ᠬᠠᠷᠢᠴᠠᠭ᠎ᠠ ᠨᠢᠭᠳᠠᠷᠠᠵᠤ᠂ ᠨᠠᠮ ᠤᠨ ᠪᠠᠶᠢᠭᠤᠯᠤᠯᠳᠠ | ᠶᠢᠨ ᠠᠵᠢᠯ ᠤᠨ ᠲᠣᠪᠣᠶᠢᠮ᠎ᠠ ᠠᠮᠵᠢᠯᠳᠠ ᠣᠯᠣᠭᠰᠠᠨ ᠲᠠᠪᠤᠨ ᠵᠢᠯ ᠮᠥᠨ᠃ ᠡᠳᠡᠭᠡᠷ ᠠᠮᠵᠢᠯᠳᠠ ᠶᠢ ᠤᠯᠤᠭᠰᠠᠨ | ᠨᠢ᠂ ᠠᠶᠢᠮᠠᠭ ᠤᠨ ᠨᠠᠮ ᠤᠨ ᠬᠤᠷᠢᠶ᠎ᠠ ᠂ ᠵᠠᠬᠢᠷᠭᠠᠨ ᠤ ᠵᠥᠪ ᠤᠨᠤᠪᠴᠢᠳᠠᠢ ᠤᠳᠤᠷᠢᠳᠤᠯᠭ᠎ᠠ᠂ ᠬᠥᠴᠥᠳᠠᠢ | ᠲᠡᠮᠵᠢᠯᠭᠡ ᠶᠢᠨ ᠥᠷ᠎ᠡ ᠳ᠋ᠥᠩ᠂ ᠠᠯᠠᠱᠠ ᠵᠡᠬᠦᠨ ᠬᠤᠰᠢᠭᠤᠨ ᠤ ᠥᠩᠭᠡᠷᠡᠭᠰᠡᠨ ᠬᠤᠭᠤᠴᠠᠭᠠᠨ ᠤ ᠣᠳᠣᠷᠢᠳᠬᠤ | ᠪᠠᠭ ᠤᠨ ᠭᠡᠰᠢᠭᠦᠳ ᠬᠦᠴᠢᠷ ᠵᠣᠪᠠᠯᠠᠩ ᠢ ᠬᠠᠮᠲᠤ ᠲᠤ ᠪᠠᠨ ᠲᠤᠭᠤᠯᠵᠤ᠂ ᠴᠢᠷᠮᠠᠶᠢᠨ ᠲᠡᠮᠡᠴᠡᠭᠰᠡᠨ ᠤ ᠥᠷ᠎ᠡ | ᠳ᠋ᠥᠩ᠂ ᠮᠥᠨ ᠴᠦ ᠪᠦᠭᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠭᠦᠨ ᠪᠠ ᠡᠯ᠎ᠡ ᠦᠨᠳᠤᠰᠤᠳᠡᠨ ᠤ | ᠺᠠᠳ᠋ᠷ ᠲᠦᠮᠡᠨ ᠤ ᠬᠠᠮᠳᠤ ᠶᠢᠨ ᠴᠢᠷᠮᠠᠶᠢᠯᠭ᠎ᠠ᠂ ᠰᠢᠷᠭᠠᠭᠤ ᠲᠡᠮᠡᠴᠡᠯ ᠤᠨ ᠥᠷ᠎ᠡ ᠳ᠋ᠥᠩ ᠮᠦᠨ᠃ ᠠᠳᠠ ᠂ ᠪᠢ | ᠳᠤᠮᠳᠠᠳᠤ ᠤᠯᠤᠰ ᠤᠨ ᠡᠪ ᠬᠠᠮᠳᠤ ᠨᠠᠮ ᠤᠨ ᠠᠯᠠᠱᠠ ᠵᠡᠭᠦᠨ ᠬᠤᠰᠢᠭᠤᠨ ᠤ ᠠᠷᠪᠡᠨ ᠬᠤᠶᠠᠳᠤᠭᠠᠷ ᠬᠤᠭᠤᠴᠠᠭᠠᠨ | ᠤ ᠬᠤᠷᠢᠶ᠎ᠠ ᠶᠢ ᠲᠥᠯᠥᠭᠡᠯᠡᠵᠤ᠂ ᠪᠦᠭᠦ ᠬᠤᠰᠢᠭᠤᠨ ᠤ ᠦᠷᠭᠡᠨ ᠤᠯᠠᠨ ᠨᠠᠮ ᠤᠨ ᠭᠡᠰᠢᠭᠦᠨ ᠪᠠ ᠡᠯ᠎ᠡ | ᠦᠨᠳᠤᠰᠤᠳᠡᠨ ᠺᠠᠳ᠋ᠷ ᠲᠦᠮᠡᠨ᠂ ᠠᠵᠢᠯ ᠠᠴᠠ ᠪᠠᠨ ᠳᠠᠷᠬᠠᠯᠠᠭᠳᠠᠭᠰᠠᠨ ᠺᠠᠳ᠋ᠷᠴᠤᠳ᠂ ᠬᠤᠰᠢᠭᠤᠨ ᠳᠤ | ᠰᠠᠭᠤᠭ᠎ᠠ ᠵᠡᠪᠰᠡᠭᠲᠦ ᠴᠠᠭᠳᠠᠭᠠᠨ ᠤ ᠲᠠᠷᠤᠭ᠎ᠠ ᠪᠠᠶᠢᠯᠳᠤᠭᠴᠢ᠂ ᠲᠤᠳᠤᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ | ᠠᠯᠠᠱᠠ ᠵᠠᠬᠦᠠ ᠬᠤᠰᠢᠭᠤᠠ ᠤ ᠭᠦᠭᠵᠢᠯᠳᠠ ᠶᠢ ᠬᠠᠯᠠᠮᠵᠢᠯᠠᠠ ᠳᠡᠮᠵᠢᠵᠣ᠂ ᠬᠤᠪᠢ ᠨᠡᠮᠡᠷᠢ ᠦᠵᠡᠭᠦᠯᠦᠭᠰᠡᠨ ᠪᠤᠢ | ᠪᠦᠬᠦᠢ ᠨᠠᠶᠢᠵᠠ ᠨᠦᠭᠦᠳ ᠨᠠᠷ ᠲᠤ ᠴᠢᠩ ᠰᠠᠣᠠᠬᠢᠯ ᠤᠨ ᠳᠠᠯᠠᠷᠬᠠᠯ ᠪᠠ ᠡᠷᠬᠢᠮ ᠲᠡᠭᠡᠳᠤ ᠬᠥᠨᠳᠤᠳᠬᠡᠯ ᠢᠶᠠᠨ | ᠳᠠᠪᠰᠢᠬᠦᠯᠣᠶᠡ︕ | ︽ ᠠᠷᠪᠠᠨ ᠬᠤᠶᠠᠳᠤᠭᠠᠷ ᠲᠠᠪᠤᠨ ᠵᠢᠯ︾ ᠤᠨ ᠬᠥᠭᠵᠢᠯᠳᠡ ᠶᠢᠨ ᠠᠮᠵᠢᠯᠳᠠ ᠪᠥᠳᠥᠮᠵᠢ ᠪᠠᠨ ᠡᠷᠬᠢᠴᠡᠭᠦᠯᠭᠦ ᠶᠢᠨ | ᠬᠠᠮᠳᠣ᠂ ᠪᠢᠳᠠ ᠡᠷᠬᠡᠪᠰᠢ ᠠᠵᠤ ᠠᠬᠤᠢ ᠨᠠᠶᠢᠬᠡᠮ ᠤᠨ ᠬᠦᠭᠵᠢᠯᠳᠠ ᠳᠣᠮᠳᠠ ᠪᠠᠰᠠ ᠨᠡᠯᠢᠶᠡᠳ ᠠᠷᠪᠢᠨ | ᠭᠦᠴᠢᠷᠳᠠᠯ ᠪᠠ ᠦᠷᠢᠰᠤᠯᠳᠤᠭᠡᠨ ᠲᠤᠯᠭᠠᠷᠠᠵᠥ ᠪᠠᠶᠢᠬᠤ ᠶᠢ ᠰᠡᠷᠭᠡᠭ ᠢᠶᠠᠷ ᠤᠯᠵᠤ ᠲᠠᠨᠢᠬᠤ ᠬᠡᠷᠡᠭᠳᠠᠢ᠃ ᠨᠢᠭᠡ | ᠳᠤ ᠬᠥᠭᠵᠢᠯᠲᠡ ᠪᠠᠷ ᠲᠤᠳᠠᠮᠠᠭ᠂ ᠪᠥᠳᠥᠴᠡ ᠪᠠᠷ ᠰᠢᠯᠢᠳᠡᠭ ᠪᠣᠰᠣ ᠵᠥᠷᠢᠴᠡᠯ ᠲᠣᠪᠣᠶᠢᠮ᠎ᠠ᠂ ᠠᠵᠤ ᠠᠬᠤᠢ ᠶᠢᠨ | ᠶᠠᠷᠣᠩᠬᠡᠢ ᠬᠡᠮᠵᠢᠶ᠎ᠡ ᠪᠠᠭ᠎ᠠ᠂ ᠬᠡᠷᠡᠭᠯᠡᠬᠦ ᠪᠣᠯᠬᠤᠶᠢᠴᠠ ᠪᠡᠯᠡ ᠮᠥᠩᠬᠦ ᠴᠦᠬᠡᠨ᠂ ᠤᠯᠠᠮᠵᠢᠯᠠᠯᠲᠤ ᠲᠤᠯᠭᠠᠭᠤᠷᠢᠯᠠᠬᠤ | ᠠᠵᠤ ᠦᠢᠯᠡᠰ ᠤᠨ ᠳᠡᠰ ᠨᠢ ᠳᠣᠣᠷ᠎ᠠ ᠪᠦᠲᠦᠭᠡᠭᠳᠡᠬᠦᠨ ᠢᠯᠡᠭᠦᠳᠡᠮᠡᠯ ᠪᠠᠶᠢᠵᠣ᠂ ᠳᠡᠭᠡᠳᠦ ᠳᠡᠰ ᠤᠨ ᠪᠦᠲᠦᠭᠡᠭᠳᠡᠬᠦᠨ | ᠳᠤᠲᠠᠭᠤᠳᠠᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠪᠠ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠬᠦᠭᠵᠢᠯᠳᠡ ᠪᠠᠷ ᠲᠤᠳᠠᠮᠠᠭ᠂ ᠡᠬᠢ ᠪᠠᠶᠠᠯᠢᠭ ᠤᠨ ᠴᠢᠨᠠᠷᠳᠠᠢ ᠠᠵᠤ | ᠦᠢᠯᠡᠰ ᠤᠨ ᠡᠵᠡᠯᠡᠬᠦ ᠨᠤᠷᠮ᠎ᠠ ᠥᠨᠳᠥᠷ᠂ ᠠᠵᠤ ᠠᠬᠤᠢ ᠶᠢᠨ ᠬᠦᠭᠵᠢᠯᠳᠡ ᠶᠢᠨ ᠠᠶᠤᠯ ᠲᠦᠭᠰᠢᠭᠦᠷᠢ ᠶᠢ | ᠡᠰᠡᠷᠭᠦᠴᠡᠬᠦ ᠴᠢᠳᠠᠪᠤᠷᠢ ᠲᠤᠤᠷ᠎ᠠ ᠪᠠᠶᠢᠨ᠎ᠠ᠃ ᠬᠤᠶᠠᠷ ᠲᠤ᠂ ᠬᠤᠳᠠ ᠬᠥᠳᠡᠭᠡ ᠶᠢᠨ ᠬᠦᠭᠵᠢᠯᠳᠡ ᠳᠤ ᠲᠡᠩᠴᠡᠭᠦᠷᠢ | ᠥᠬᠡᠢ᠂ ᠵᠣᠬᠢᠴᠠᠩᠭᠤᠢ ᠪᠣᠰᠣ ᠠᠰᠠᠭᠤᠳᠠᠯ ᠪᠠᠰᠠ ᠣᠷᠣᠰᠢᠭᠰᠠᠭᠠᠷ᠂ ᠬᠤᠳᠠ ᠶᠢᠨ ᠴᠢᠳᠠᠮᠵᠢ ᠪᠦᠷᠢᠨ ᠪᠤᠰᠤ ᠂ | ᠨᠠᠷᠢᠯᠢᠭᠵᠢᠭᠤᠯᠤᠭᠰᠠᠨ ᠬᠠᠮᠢᠶᠠᠷᠤᠯᠳᠠ ᠶᠢᠨ ᠲᠦᠪᠰᠢᠨ ᠲᠤᠤᠷ᠎ᠠ᠂ ᠬᠤᠳᠠ ᠪᠠᠯᠭᠠᠰᠤᠨ ᠤ ᠲᠠᠭᠠᠭᠠᠴᠠ ᠶᠢᠨ | ᠴᠢᠳᠠᠪᠤᠷᠢ ᠳᠣᠷᠣᠢ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠰᠠᠭᠤᠷᠢ ᠬᠡᠪᠡᠷᠡᠭ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ ᠶᠢᠨ ᠵᠦᠷᠢᠶ᠎ᠠ ᠨᠡᠯᠢᠶᠡᠳ ᠶᠡᠭᠡ᠃ ᠭᠤᠷᠪᠠ ᠳᠤ᠂ ᠠᠮᠢ ᠠᠬᠤᠢ | ᠶᠢᠨ ᠤᠷᠴᠢᠨ ᠲᠤᠭᠤᠷᠢᠨ ᠬᠡᠪᠡᠷᠡᠭ᠂ ᠡᠬᠢ ᠪᠠᠶᠠᠯᠢᠭ ᠪᠠ ᠣᠷᠴᠢᠨ ᠲᠤᠭᠤᠷᠢᠨ ᠤ ᠬᠢᠵᠠᠭᠠᠷᠯᠠᠯ ᠡᠳᠤᠷ ᠢᠷᠡᠬᠦᠶ᠎ᠡ | ᠲᠤᠯᠭᠠᠮᠳᠠᠵᠤ᠂ ᠤᠷᠴᠢᠨ ᠲᠤᠭᠤᠷᠢᠨ ᠤ ᠪᠠᠶᠢᠭᠤᠯᠤᠯᠳᠠ ᠶᠢᠨ ᠡᠭᠦᠷᠭᠡ ᠪᠠᠰᠠ ᠬᠦᠨᠳᠦ ᠪᠡᠷᠬᠡ ᠪᠠᠶᠢᠭᠰᠠᠭᠠᠷ᠂ | ᠰᠠᠭᠤᠷᠢ ᠲᠥᠬᠦᠭᠡᠷᠦᠮᠵᠢ ᠶᠢᠨ ᠪᠣᠭᠤᠮᠢ ᠬᠢᠵᠠᠭᠠᠷᠯᠠᠯ ᠪᠠᠰᠠ ᠯᠡ ᠣᠷᠣᠰᠢᠭᠰᠠᠭᠠᠷ᠃ ᠲᠦᠷᠪᠡ ᠳᠤ᠂ ᠰᠢᠨᠵᠢᠯᠡᠭᠡ | ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠭᠤᠷᠠᠢ᠂ ᠰᠢᠨ᠎ᠠ ᠪᠦᠳᠦᠭᠡᠭᠳᠡᠭᠦᠨ ᠢ ᠰᠤᠳᠤᠯᠤᠨ ᠨᠡᠬᠡᠬᠡᠬᠦ᠂ | ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠰᠢᠯᠵᠢᠭᠦᠯᠦᠨ ᠬᠤᠪᠢᠷᠠᠭᠤᠯᠬᠤ ᠠᠵᠢᠯ ᠤᠨ ᠪᠥᠳᠥᠮᠵᠢ | ᠢᠯᠡᠷᠬᠡᠢ ᠪᠤᠰᠤ᠂ ᠦᠨᠳᠤᠷ ᠲᠡᠰ ᠤᠨ ᠲᠤᠰᠬᠠᠢ ᠮᠡᠷᠭᠡᠵᠢᠯ ᠤᠨ ᠴᠢᠳᠠᠪᠤᠷᠢᠳᠠᠨ ᠲᠣᠳᠠᠮᠠᠭ᠃ ᠲᠠᠪᠤ ᠳᠤ᠂ ᠨᠠᠮ | ᠤᠨ ᠪᠠᠶᠢᠭᠤᠯᠤᠯᠳᠠ ᠳᠤ ᠪᠠᠰᠠ ᠪᠠᠭᠤᠷᠠᠢ ᠲᠠᠯ᠎ᠠ ᠤᠷᠤᠰᠢᠵᠤ᠂ ᠬᠡᠰᠡᠭ ᠦᠨᠳᠦᠰᠦᠨ ᠱᠠᠳᠤᠨ ᠤ ᠨᠠᠮ ᠤᠨ | ᠵᠤᠬᠢᠶᠠᠨ ᠪᠠᠶᠢᠭᠤᠯᠤᠯᠳᠠ ᠶᠢᠨ ᠲᠠᠶᠢᠴᠢᠨ ᠪᠠᠬᠢᠯᠡᠯᠳᠡ ᠶᠢᠨ ᠥᠢᠯᠡᠳᠤᠯ ᠪᠠ ᠨᠠᠮ ᠤᠨ ᠬᠡᠰᠢᠭᠦᠳ ᠤᠨ ᠬᠤᠰᠢᠭᠤᠴᠢ | ᠵᠢᠱᠢᠶᠡᠴᠢ ᠥᠢᠯᠡᠳᠤᠯ ᠢᠶᠠᠨ ᠪᠠᠳᠠᠷᠠᠭᠤᠯᠬᠤ ᠪᠠᠷ ᠬᠥᠷᠥᠯᠴᠡᠬᠦ ᠥᠭᠡᠢ᠂ ᠬᠡᠰᠡᠭ ᠨᠡᠮ ᠤᠨ ᠭᠡᠰᠢᠭᠦᠨ ᠺᠠᠳ᠋ᠷᠴᠣᠳ | ᠤᠨ ᠦᠵᠡᠯ ᠰᠠᠨᠠᠭ᠎ᠠ ᠤᠪᠤᠷ ᠰᠤᠷᠳᠠᠯ ᠪᠠ ᠴᠢᠳᠠᠪᠦᠷᠢ ᠶᠢᠨ ᠲᠦᠪᠰᠢᠨ ᠢ ᠲᠡᠭᠡᠭᠰᠢᠯᠡᠬᠦᠯᠬᠦ ᠴᠢᠬᠤᠯᠠᠲᠠᠢ᠃ ᠡᠳᠡᠭᠡᠷ | ᠢ ᠪᠢᠳᠠ ᠵᠠᠪᠠᠯ ᠲᠠᠭᠡᠳᠥ ᠬᠡᠮᠵᠢᠶ᠎ᠠ ᠪᠠᠷ ᠴᠢᠬᠤᠯᠠᠴᠢᠯᠠᠨ᠂ ᠭᠦᠴᠦᠳᠠᠢ ᠠᠷᠭ᠎ᠠ ᠬᠡᠮᠵᠢᠶ᠎ᠠ ᠠᠪᠴᠥ᠂ ᠦᠨᠡᠨᠭᠦ | ᠰᠢᠢᠳᠪᠦᠷᠢᠯᠡᠭᠦ ᠬᠡᠷᠡᠭᠲᠠᠢ᠃ | ᠭᠦᠴᠢᠷᠳᠠᠯ ᠪᠠ ᠦᠷᠢᠰᠤᠯᠳᠤᠭᠡᠨ ᠢ ᠰᠡᠷᠭᠡᠭ ᠢᠶᠠᠷ ᠤᠯᠵᠥ ᠲᠠᠨᠢᠬᠤ ᠶᠢᠨ ᠬᠠᠮᠳᠥ᠂ ᠪᠢᠳᠡᠨ ᠳᠤ ᠪᠠᠰᠠ ᠤᠯᠳᠠᠬᠤᠶ᠎ᠠ | ᠪᠡᠷᠭᠡ ᠬᠦᠭᠵᠢᠯᠳᠠ ᠶᠢᠨ ᠠᠵᠠ ᠳᠣᠬᠢᠶᠠᠯ ᠪᠠ ᠠᠰᠢᠬᠳᠠᠢ ᠨᠦᠬᠦᠴᠠᠯ ᠲᠤᠯᠭᠠᠷᠠᠵᠤ ᠪᠠᠶᠢᠨ᠎ᠠ᠃ ᠨᠢᠭᠡ ᠳᠤ᠂ ᠮᠠᠨ ᠤ | ᠤᠯᠤᠰ ᠤᠨ ᠠᠵᠤ ᠠᠬᠤᠢ ᠶᠢᠨ ᠬᠥᠭᠵᠢᠯᠳᠡ ᠰᠢᠨ᠎ᠡ ᠬᠡᠪ ᠤᠨ ᠪᠠᠶᠢᠳᠠᠯ ᠳᠤ ᠣᠷᠣᠭᠰᠠᠨ᠂ ᠲᠦᠪ ᠤᠨ ︽ | ᠲᠦᠷᠪᠡᠨ ᠪᠦᠭᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠲᠣᠭᠲᠠᠭᠠᠨ | ᠬᠡᠷᠡᠭᠵᠢᠭᠦᠯᠥᠭᠳᠡᠭᠰᠡᠨ᠂ ︽ᠲᠠᠪᠤᠨ ᠶᠡᠭᠡ ᠬᠦᠭᠵᠢᠯᠳᠠ ᠶᠢᠨ ᠣᠶᠢᠯᠠᠭᠠᠭᠳᠠᠬᠤᠨ︾ ᠤ ᠪᠦᠷᠢᠯᠳᠦᠨ | ᠲᠣᠷᠠᠳᠣᠭᠳᠠᠭᠰᠠᠨ᠂ ᠰᠢᠨ᠎ᠡ ᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠪᠠ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠵᠡᠷᠭᠡ ᠴᠢᠬᠤᠯᠠ ᠶᠡᠭᠡ ᠠᠷᠭ᠎ᠠ ᠠᠪᠴᠠᠯ ᠢ ᠬᠦᠴᠦᠯᠡᠨ | ᠬᠡᠷᠡᠭᠵᠢᠭᠦᠯᠭᠦ ᠶᠢ ᠳᠠᠭᠠᠯᠳᠣᠨ᠂ ᠪᠢᠳᠠᠨ ᠳᠤ ᠬᠦᠭᠵᠢᠯᠳᠡ ᠶᠢᠨ ᠬᠡᠯᠪᠡᠷᠢ ᠪᠠᠨ ᠲᠦᠷᠭᠡᠳᠭᠡᠨ ᠬᠤᠪᠢᠷᠠᠭᠤᠯᠬᠤ᠂ | ᠠᠵᠤ ᠦᠢᠯᠡᠰ ᠤᠨ ᠬᠡᠯᠪᠡᠷᠢ ᠪᠠᠨ ᠦᠭᠡᠷᠡᠴᠢᠯᠡᠨ ᠲᠡᠰ ᠲᠡᠪᠰᠢᠭᠦᠯᠬᠦ ᠶᠢ ᠠᠬᠢᠭᠤᠯᠵᠤ᠂ ᠬᠦᠭᠵᠢᠯᠳᠡ ᠶᠢᠨ | ᠲᠠᠪᠠᠭᠤᠯᠢᠭ ᠢᠶᠠᠨ ᠨᠥᠭᠡᠴᠡᠯᠡᠵᠦ᠂ ᠰᠢᠨ᠎ᠡ ᠠᠵᠤ ᠠᠬᠤᠢ ᠶᠢᠨ ᠨᠡᠮᠡᠭᠳᠡᠯ ᠴᠡᠭ ᠢᠶᠠᠨ ᠪᠣᠶᠢᠵᠢᠭᠤᠯᠬᠤ ᠳᠤ᠂ ᠰᠠᠶᠢᠨ | ᠰᠠᠶᠢᠬᠠᠨ ᠭᠠᠳᠠᠭᠠᠳᠤ ᠤᠷᠴᠢᠨ ᠪᠠ ᠲᠤᠳᠤᠭᠠᠳᠤ ᠬᠦᠳᠡᠯᠭᠡᠭᠴᠢ ᠬᠦᠴᠦᠨ ᠢ ᠡᠭᠦᠳᠪᠡ᠃ ᠬᠤᠶᠠᠷ ᠲᠤ᠂ | ᠤᠯᠤᠰ ᠠᠴᠠ ᠰᠢᠨ᠎ᠡ ᠨᠢᠭᠡ ᠡᠭᠡᠯᠵᠢ ᠶᠢᠨ ᠪᠠᠷᠠᠭᠤᠨ ᠤᠷᠤᠨ ᠤ ᠨᠡᠭᠡᠭᠡᠨ ᠬᠦᠭᠵᠢᠬᠦᠯᠦᠯᠳᠡ᠂ ︽ᠨᠢᠭᠡ ᠪᠦᠰᠡ ᠨᠢᠭᠡ | ᠵᠠᠮ ︾ ᠂ ᠪᠡᠭᠡᠵᠢᠩ ᠲᠢᠶᠠᠨᠵᠢᠨ ᠾᠧᠪᠧᠢ ᠵᠤᠬᠢᠴᠯᠳᠤᠨ ᠬᠦᠭᠵᠢᠬᠦ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ | ᠶᠢ ᠬᠡᠷᠡᠭᠵᠢᠭᠦᠯᠬᠦ ᠪᠠ ︽ ᠳᠤᠮᠳᠠᠳᠤ᠂ ᠮᠤᠩᠭᠤᠯ᠂ ᠤᠷᠤᠰ ᠤᠨ ᠠᠵᠤ ᠠᠬᠤᠢ ᠶᠢᠨ ᠬᠤᠩᠭᠢᠯ︾ ᠤᠨ | ᠪᠠᠶᠢᠭᠤᠯᠤᠯᠳᠠ᠂ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢᠨ ᠲᠦᠯᠦᠪᠯᠡᠭᠡ ᠶᠢ ᠭᠦᠨᠵᠡᠭᠡᠢ ᠠᠬᠢᠭᠤᠯᠬᠤ ᠨᠢ᠂ | ᠪᠢᠳᠠᠨ ᠤ ᠤᠷᠤᠨ ᠪᠠᠶᠢᠷᠢ ᠪᠠ ᠰᠡᠭᠦᠯᠡᠷ ᠬᠦᠭᠵᠢᠬᠦ ᠲᠠᠪᠠᠭᠤᠯᠢᠭ ᠲᠠᠯ᠎ᠠ ᠪᠠᠨ ᠪᠠᠳᠠᠷᠠᠭᠤᠯᠵᠣ᠂ ᠤᠯᠤᠰ ᠤᠨ ᠣᠷᠣᠨ | ᠪᠦᠰᠡ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠳᠤ ᠠᠭᠤᠰᠤᠯᠴᠠᠬᠤ ᠶᠢ ᠲᠦᠷᠭᠡᠳᠭᠡᠨ᠂ ᠭᠥᠭᠵᠢᠯᠳᠡ | ᠶᠢᠨ ᠤᠷᠤᠨ ᠵᠠᠢ ᠶᠢ ᠥᠷᠭᠡᠳᠬᠡᠵᠥ᠂ ᠨᠡᠭᠡᠭᠡᠯᠳᠡᠳᠣ ᠮᠠᠶ᠋ᠢᠭ ᠤᠨ ᠠᠵᠤ ᠠᠬᠤᠢ ᠶᠢᠨ ᠬᠦᠭᠵᠢᠯᠳᠡ ᠶᠢ ᠲᠦᠯᠬᠢᠨ | ᠠᠬᠢᠭᠤᠯᠤᠨ᠂ ᠭᠠᠳᠠᠭᠠᠳᠤ ᠲᠠᠢ ᠴᠢᠯᠤᠭᠡᠳᠠᠢ ᠶᠠᠪᠤᠯᠴᠠᠬᠤ ᠪᠠ ᠣᠷᠣᠨ ᠪᠦᠰᠡ ᠶᠢᠨ ᠬᠦᠭᠵᠢᠯᠳᠡ ᠶᠢᠨ ᠰᠢᠨ᠎ᠠ | ᠲᠣᠭᠲᠠᠴᠠ ᠢ ᠪᠥᠷᠢᠯᠳᠥᠭᠦᠯᠬᠦ ᠳᠤ ᠠᠰᠢᠭᠲᠠᠢ ᠶᠣᠮ᠃ ᠭᠤᠷᠪᠠ ᠳᠤ᠂ ᠥᠪᠠᠷᠳᠠᠭᠡᠨ ᠵᠠᠰᠠᠬᠤ ᠤᠷᠤᠨ ᠤ ︽8337 | ︾ ᠭᠥᠭᠵᠢᠯᠳᠡ ᠶᠢᠨ ᠰᠡᠳᠭᠢᠴᠡ ᠶᠢ ᠭᠦᠨᠵᠡᠭᠡᠢ ᠬᠡᠷᠡᠭᠵᠢᠭᠦᠯᠬᠦ᠂ ᠰᠠᠭᠤᠷᠢ ᠲᠥᠬᠦᠭᠡᠷᠤᠮᠵᠢ᠂ ᠠᠮᠢ ᠠᠬᠤᠢ ᠶᠢᠨ | ᠬᠠᠮᠠᠭᠠᠯᠠᠯᠲᠠ᠂ ᠬᠤᠳᠠ ᠬᠥᠳᠡᠭᠡᠨ ᠤ ᠭᠠᠵᠠᠷ ᠣᠷᠣᠨ ᠤ ᠬᠥᠭᠵᠢᠯᠲᠡ ᠶᠢ ᠨᠢᠭᠡᠳᠤᠯᠳᠠᠢ ᠲᠥᠯᠥᠪᠯᠡᠬᠦ᠂ ᠠᠵᠤ | ᠦᠢᠯᠡᠰ ᠤᠨ ᠬᠥᠭᠵᠢᠯᠲᠡ ᠶᠢᠨ ᠰᠢᠨ᠎ᠡ ᠲᠣᠭᠳᠠᠯᠴᠠᠭ᠎ᠠ ᠶᠢ ᠪᠠᠶᠢᠭᠤᠯᠬᠤ᠂ ᠴᠢᠯᠦᠭᠡᠲᠡᠢ ᠶᠠᠪᠤᠯᠴᠠᠨ ᠬᠠᠮᠲᠤᠷᠠᠯᠴᠠᠬᠤ | ᠶᠢ ᠭᠦᠨᠵᠡᠭᠡᠶᠢᠷᠡᠭᠦᠯᠬᠦ ᠵᠡᠷᠭᠡ ᠬᠦᠷᠢᠶ᠎ᠡ ᠬᠡᠪᠴᠢᠶᠡᠨ ᠳᠠᠬᠢ ᠣᠷᠤᠭᠤᠯᠤᠯᠲᠠ ᠶᠢᠨ ᠲᠥᠷᠥ ᠶᠢᠨ ᠪᠣᠳᠣᠯᠭ᠎ᠠ ᠠᠷᠭ᠎ᠠ | ᠠᠪᠴᠠᠯ ᠲᠣᠭᠲᠠᠭᠠᠭᠳᠠᠬᠤ ᠶᠢ ᠳᠠᠭᠠᠯᠳᠣᠨ᠂ ᠪᠢᠳᠠᠨ ᠳᠤ ᠪᠠᠭᠤᠷᠠᠢ ᠲᠠᠯ᠎ᠠ ᠪᠠ ᠬᠤᠴᠣᠷᠤᠩᠭᠤᠢ ᠬᠦᠷᠢᠶ᠎ᠡ ᠴᠠᠷ᠎ᠠ | ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠵᠣᠬᠢᠴᠠᠩᠭᠤᠢ | ᠦᠷᠭᠦᠯᠵᠢᠳᠡ ᠶᠢᠨ ᠬᠥᠭᠵᠢᠯᠲᠡ ᠶᠢ ᠲᠥᠯᠬᠢᠨ ᠠᠬᠢᠭᠤᠯᠬᠤ ᠳᠤ ᠴᠢᠬᠤᠯᠠ ᠲᠣᠬᠢᠶᠠᠯ ᠬᠠᠩᠭᠠᠪᠠ᠃ ᠳᠥᠷᠪᠡ ᠳᠤ᠂ | ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠵᠠᠮ᠂ ᠪᠠᠶᠠᠨᠨᠢᠷᠤᠭᠤᠨ ᠠᠴᠠ ᠰᠤᠬᠠᠶᠢᠳᠥ ᠬᠦᠷᠬᠦ ᠨᠢᠭᠡᠳᠤᠭᠡᠷ ᠲᠡᠰ | ᠤᠨ ᠵᠠᠰᠠᠮᠠᠯ ᠵᠠᠮ᠂ ᠲᠤᠩᠭᠠᠯᠠᠭ ᠨᠠᠭᠤᠷ ᠠᠴᠠ ᠡᠷᠬᠡᠬᠠᠰᠢᠬ᠎ᠠ ᠬᠦᠷᠬᠦ ᠡᠯᠡᠰᠤ ᠲᠤᠭᠤᠯᠤᠭᠰᠠᠨ ᠵᠠᠰᠠᠮᠠᠯ ᠵᠠᠮ ᠵᠡᠷᠭᠡ | ᠲᠥᠷᠥᠯ ᠵᠦᠢᠯ ᠤᠨ ᠪᠠᠷᠢᠯᠭ᠎ᠠ ᠳᠠᠭᠤᠰᠴᠤ ᠲᠡᠷᠭᠡ ᠨᠡᠪᠳᠡᠷᠡᠨ᠂ ᠠᠯᠠᠱᠠ ᠵᠡᠭᠦᠨ ᠬᠤᠰᠢᠭᠤᠨ ᠤ ᠠᠵᠢᠯ ᠤᠨ | ᠬᠡᠷᠡᠭᠯᠡᠬᠡᠨ ᠤ ᠨᠢᠰᠬᠡᠯ ᠤᠨ ᠪᠠᠭᠤᠳᠠᠯ ᠢ ᠲᠡᠰ ᠳᠡᠪᠰᠢᠭᠦᠯᠵᠦ ᠰᠠᠯᠪᠤᠷᠢ ᠨᠢᠰᠬᠡᠯ ᠤᠨ ᠪᠠᠭᠤᠳᠠᠯ ᠪᠣᠯᠭᠠᠨ | ᠥᠭᠡᠷᠡᠴᠢᠯᠡᠵᠦ᠂ ᠦᠬᠠᠢ ᠠᠴᠠ ᠪᠠᠶᠠᠨᠬᠤᠳᠠ ᠬᠦᠷᠬᠦ ᠲᠦᠷᠭᠡᠨ ᠵᠠᠮ᠂ ᠪᠠᠶᠠᠨᠬᠤᠳᠠ ᠠᠴᠠ ᠢᠷᠭᠠᠢ ᠬᠦᠷᠬᠦ ᠲᠦᠷᠭᠡᠨ | ᠲᠡᠮᠤᠷ ᠵᠠᠮ᠂ ᠦᠯᠵᠡᠢ — ᠪᠠᠶᠠᠨᠬᠤᠳᠠ — ᠳᠡᠷᠡᠰᠣᠨ ᠬᠦᠷᠬᠦ ᠲᠡᠮᠤᠷ ᠵᠠᠮ ᠵᠡᠷᠭᠡ ᠨᠢᠭᠡ ᠪᠥᠯᠥᠭ ᠬᠠᠷᠢᠯᠴᠠᠨ | ᠨᠡᠪᠲᠡᠷᠡᠯᠴᠡᠬᠦ ᠴᠢᠬᠤᠯᠠ ᠢᠨᠵᠧᠨᠧᠷᠢᠩ ᠬᠡᠷᠡᠭᠵᠢᠭᠦᠯᠦᠭᠳᠡᠬᠦ ᠪᠣᠯᠣᠮᠵᠢ ᠲᠠᠢ ᠪᠣᠯᠵᠤ᠂ ᠪᠢᠳᠠᠨ ᠤ ︽ ᠨᠢᠭᠡ ᠪᠦᠰᠡ | ᠨᠢᠭᠡ ᠵᠠᠮ︾ ᠤᠨ ᠭᠥᠭᠵᠢᠯᠳᠡ ᠶᠢᠨ ᠪᠠᠶᠢᠯᠳᠤᠬᠤ ᠪᠣᠳᠣᠯᠭ᠎ᠠ᠂ ︽ᠬᠦᠬᠡᠬᠤᠳᠠ ᠪᠤᠭᠤᠳᠤ ᠢᠷᠭᠠᠢ ᠢᠤᠢ ᠯᠢᠨ︾᠂ | ︽ ᠨᠢᠩᠰᠢᠶᠠ ᠦᠪᠤᠷ ᠮᠣᠩᠭᠤᠯ ᠱᠠᠨᠰᠢ ᠭᠠᠨᠰᠤ ︾᠂ ︽ᠵᠢᠵᠢᠭ ᠭᠤᠷᠪᠠᠯᠵᠢᠨ ᠬᠤᠶᠢᠭ ︾ ᠪᠠ ︽ᠯᠥᠩ ᠬᠠᠢ | ᠯᠠᠨ ᠰᠢᠨ ︾ ᠠᠵᠤ ᠠᠬᠤᠢ ᠶᠢᠨ ᠪᠦᠰᠡ ᠳᠤ ᠲᠦᠷᠭᠡᠨ ᠢᠶᠠᠷ ᠠᠭᠤᠰᠤᠯᠴᠠᠬᠤ ᠳᠤ ᠠᠰᠢᠭᠲᠠᠢ ᠪᠠᠶᠢᠵᠤ᠂ | ᠪᠢᠳᠠᠨ ᠤ ᠴᠡᠪᠡᠷ ᠡᠨᠧᠷᠬᠢ᠂ ᠰᠣᠶᠣᠯ ᠵᠢᠭᠤᠯᠴᠢᠯᠠᠯ᠂ ᠦᠵᠡᠮᠦᠷᠢ ᠶᠢᠨ ᠴᠢᠯᠠᠭᠤ ᠪᠣᠯᠣᠷ ᠬᠠᠰ ᠡᠷᠳᠡᠨᠢ ᠶᠢᠨ ᠴᠢᠯᠠᠭᠤ | ᠂ ᠤᠳᠤᠬᠢᠴᠢᠯᠠᠭᠰᠠᠨ ᠡᠳ᠋ ᠪᠠᠷᠠᠭᠠᠨ ᠤ ᠬᠦᠢᠯᠭᠡᠭᠡ᠂ ᠡᠯᠡᠰᠤᠨ ᠤᠷᠭᠤᠮᠠᠯ ᠤᠨ ᠠᠵᠤ ᠦᠢᠯᠡᠰ ᠵᠡᠷᠭᠡ ᠰᠢᠨ᠎ᠡ ᠪᠠᠷ | ᠬᠥᠭᠵᠢᠭᠰᠡᠨ ᠠᠵᠤ ᠦᠢᠯᠡᠰ ᠢ ᠲᠥᠷᠭᠡᠳᠬᠡᠨ ᠬᠥᠭᠵᠢᠭᠦᠯᠵᠥ᠂ ᠣᠯᠠᠨ ᠲᠣᠶᠢᠯ ᠠᠴᠠ ᠲᠤᠯᠭᠠᠭᠤᠷᠢᠯᠠᠵᠤ᠂ ᠣᠯᠠᠨ | ᠡᠰᠢᠵᠢᠨ ᠬᠦᠭᠵᠢᠭᠰᠡᠨ ᠠᠵᠤ ᠦᠢᠯᠡᠰ ᠤᠨ ᠰᠢᠨ᠎ᠡ ᠲᠣᠭᠲᠠᠴᠠ ᠶᠢ ᠪᠥᠷᠢᠯᠳᠥᠭᠦᠯᠬᠦ ᠳᠤ ᠠᠰᠢᠭᠲᠠᠢ ᠶᠣᠮ᠃ | ᠡᠳᠡᠭᠡᠷ ᠨᠢ ᠪᠢᠳᠠ ᠤ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠥᠭᠵᠢᠯᠲᠡ ᠳᠤ ᠪᠠᠲᠤ ᠪᠠᠬᠢ ᠰᠠᠭᠤᠷᠢ ᠶᠢ | ᠲᠠᠯᠪᠢᠵᠠᠢ᠃ ᠪᠢᠳᠠ ᠬᠡᠷᠪᠡ ᠠᠰᠢᠭᠲᠠᠢ ᠨᠥᠬᠦᠴᠡᠯ ᠪᠠ ᠬᠥᠭᠵᠢᠯᠲᠡ ᠶᠢᠨ ᠲᠣᠬᠢᠶᠠᠯ ᠢ ᠪᠠᠳᠣ ᠡᠵᠡᠮᠰᠢᠨ᠂ ᠣᠳᠣ | ᠶᠢᠨ ᠪᠠᠶᠢᠳᠠᠯ ᠳᠤ ᠰᠠᠭᠤᠷᠢᠯᠠᠵᠤ ᠂ ᠠᠯᠤᠰ ᠢ ᠪᠠᠷᠠᠯᠠᠨ᠂ ᠪᠠᠶᠢᠳᠠᠯ ᠳᠤ ᠵᠣᠬᠢᠴᠠᠭᠤᠯᠣᠨ ᠠᠵᠢᠯᠯᠠᠵᠣ᠂ ᠪᠠᠶᠢᠳᠠᠯ ᠢ | ᠠᠰᠢᠭᠯᠠᠨ ᠭᠥᠭᠵᠢᠭᠦᠯᠳᠡᠭ ᠯᠠ ᠶᠤᠮ ᠪᠤᠯ᠂ ᠡᠯ᠎ᠡ ᠲᠥᠷᠥᠯ ᠤᠨ ᠠᠶᠤᠯ ᠲᠦᠭᠰᠢᠭᠦᠷᠢ ᠪᠠ ᠥᠷᠢᠰᠦᠯᠳᠦᠭᠡᠨ ᠢ | ᠯᠠᠪᠲᠠᠢ ᠢᠯᠠᠨ ᠳᠠᠪᠠᠵᠤ᠂ ᠰᠢᠨ᠎ᠡ ᠨᠢᠭᠡᠨ ᠡᠭᠡᠯᠵᠢ ᠶᠢᠨ ᠬᠥᠭᠵᠢᠯᠲᠡ ᠶᠢᠨ ᠰᠠᠨᠠᠭᠠᠴᠢᠯᠭᠠᠳᠤ ᠡᠷᠭᠡ ᠶᠢ ᠯᠠᠪᠲᠠᠢ | ᠣᠯᠵᠤ᠂ ᠠᠵᠥ ᠠᠬᠤᠢ ᠨᠡᠶᠢᠭᠡᠮ ᠤᠨ ᠭᠦᠭᠵᠢᠯᠳᠠ ᠶᠢᠨ ᠰᠢᠨ᠎ᠠ ᠪᠠᠶᠢᠳᠠᠯ ᠢ ᠯᠠᠪᠲᠠᠢ ᠡᠭᠦᠳᠴᠤ ᠴᠢᠳᠠᠨ᠎ᠠ᠃ | ᠬᠤᠶᠠᠷ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠭᠤᠣᠯ ᠬᠠᠷᠠᠯᠳᠠᠳᠥ ᠡᠭᠦᠷᠭᠡ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠭᠦ ᠢᠯᠠᠯᠳᠠ ᠶᠢᠨ ᠰᠢᠢᠳᠪᠦᠷᠢᠲᠦ ᠱᠠᠲᠤ ᠦᠶ᠎ᠡ ᠪᠠᠶᠢᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠳᠤ | ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠵᠤ ᠲᠣᠬᠢᠶᠠᠯ ᠲᠠᠢ ᠬᠤᠭᠤᠴᠠᠭ᠎ᠠ ᠶᠤᠮ᠃ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠪᠣᠯ᠄ ᠳ᠋ᠧᠩ ᠰᠢᠶᠣᠣ ᠫᠢᠩ ᠤᠨ | ᠣᠨᠣᠯ᠂ ︽ᠭᠤᠷᠪᠠ ᠶᠢ ᠲᠥᠯᠥᠭᠡᠯᠡᠬᠦ ᠴᠢᠬᠤᠯᠠ ᠦᠵᠡᠯ ᠰᠠᠨᠠᠭ᠎ᠠ ︾᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ | ᠦᠵᠡᠯᠲᠡ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠵᠢᠴᠢ ᠰᠢ ᠶᠢᠨ ᠫᠢᠩ ᠶᠡᠷᠦᠩᠬᠡᠢ | ᠱᠦᠵᠢ ᠶᠢᠨ ᠰᠢᠷᠢᠰ ᠴᠢᠬᠤᠯᠠ ᠶᠠᠷᠢᠶ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠴᠢᠨᠡᠭᠡᠯᠢᠭ ᠨᠡᠶᠢᠭᠡᠮ ᠢ ᠪᠦᠬᠦ | ᠲᠠᠯ᠎ᠠ ᠪᠠᠷ ᠪᠦᠲᠦᠭᠡᠨ ᠪᠠᠶᠢᠭᠤᠯᠬᠤ ᠬᠠᠷᠠᠯᠲᠠ ᠶᠢ ᠤᠷᠢᠳᠴᠢᠯᠠᠨ ᠪᠡᠶᠡᠯᠡᠭᠦᠯᠬᠦ ᠶᠢ ᠨᠢᠭᠲᠠ ᠲᠣᠭᠤᠷᠢᠨ᠂ ︽ | ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠬᠢᠭᠡᠳ ᠥᠪᠡᠷᠲᠡᠭᠡᠨ ᠵᠠᠰᠠᠬᠤ | ᠣᠷᠣᠨ ᠤ ︽8337︾ ᠬᠥᠭᠵᠢᠯᠲᠡ ᠶᠢᠨ ᠰᠡᠳᠬᠢᠴᠡ ᠶᠢ ᠨᠠᠶᠢᠳᠠᠪᠤᠷᠢᠵᠢᠭᠤᠯᠵᠤ᠂ ᠭᠦᠭᠵᠢᠭᠦᠯᠭᠦ ᠪᠤᠯ ᠲᠡᠷᠢᠭᠦᠨ | ᠴᠢᠬᠤᠯᠠ ᠡᠭᠦᠷᠭᠡ ᠪᠤᠯᠬᠤ ᠶᠢ ᠪᠠᠷᠢᠮᠲᠠᠯᠠᠨ᠂ ᠰᠢᠨ᠎ᠡ ᠶᠢ ᠡᠭᠦᠳᠬᠦ᠂ ᠵᠤᠬᠢᠴᠠᠩᠭᠤᠢ᠂ ᠪᠣᠬᠢᠷᠲᠤᠯ ᠦᠭᠡᠢ᠂ | ᠨᠡᠭᠡᠭᠡᠯᠲᠡ ᠬᠢᠬᠦ᠂ ᠬᠠᠮᠲᠤᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠶᠢ ᠪᠠᠷᠢᠮᠲᠠᠯᠠᠨ᠂ ᠬᠥᠭᠵᠢᠯᠲᠡ ᠶᠢᠨ | ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠤᠯ ᠪᠣᠯᠭᠠᠨ᠂ ᠤᠯᠤᠰ ᠤᠨ ᠴᠢᠬᠤᠯᠠ ᠡᠯᠡᠰᠦᠨ | ᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠲᠣᠷᠭᠠᠨ ᠵᠠᠮ ᠤᠨ ᠠᠵᠤ ᠠᠬᠤᠢ ᠶᠢᠨ ᠪᠦᠰᠡ᠂ | ᠤᠮᠠᠷᠠᠰᠢ ᠨᠡᠭᠡᠭᠡᠯᠲᠡ ᠬᠢᠬᠦ ᠴᠢᠬᠤᠯᠠ ᠴᠢᠭ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ | ᠴᠢᠬᠤᠯᠠ ᠨᠡᠪᠲᠡᠷᠡᠬᠦ ᠵᠠᠮ ᠤᠨ ᠬᠥᠭᠵᠢᠯᠲᠡ ᠶᠢᠨ ᠪᠠᠶᠢᠷᠢ ᠲᠤᠭᠳᠠᠭᠠᠯᠳᠠ ᠶᠣᠰᠣᠭᠠᠷ᠂ ᠳᠡᠯᠡᠬᠡᠢ ᠶᠢᠨ | ᠵᠢᠭᠤᠯᠴᠢᠯᠠᠯ ᠤᠨ ᠬᠠᠨᠳᠤᠯᠭᠠᠳᠥ ᠤᠷᠤᠨ᠂ ᠤᠯᠤᠰ ᠤᠨ ᠴᠢᠬᠤᠯᠠ ᠡᠯᠡᠰᠦᠨ ᠤᠷᠭᠤᠮᠠᠯ ᠤᠨ ᠠᠵᠤ ᠦᠢᠯᠡᠰ ᠤᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠴᠢᠬᠤᠯᠠ ᠴᠡᠪᠡᠷ ᠡᠨᠧᠷᠭᠢ ᠶᠢᠨ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠂ ᠤᠯᠤᠰ ᠤᠨ ᠴᠢᠬᠤᠯᠠ ᠴᠡᠷᠢᠭ ᠠᠷᠠᠳ ᠠᠭᠤᠰᠤᠯᠴᠠᠭᠰᠠᠨ ᠰᠠᠨᠰᠠᠷ ᠤᠨ ᠦᠢᠯᠡᠰ ᠤᠨ | ᠰᠠᠭᠤᠷᠢᠨ ᠭᠠᠵᠠᠷ᠂ ᠦᠵᠡᠮᠦᠷᠢ ᠶᠢᠨ ᠴᠢᠯᠠᠭᠤ᠂ ᠪᠣᠯᠣᠷ ᠬᠠᠰ ᠴᠢᠯᠠᠭᠤ ᠲᠥᠪᠯᠡᠷᠡᠭᠦᠯᠦᠨ ᠬᠤᠳᠠᠯᠳᠤᠭᠠᠯᠠᠬᠤ ᠲᠥᠪ | ᠬᠢᠭᠡᠳ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ ᠰᠠᠭᠤᠷᠢᠨ | ᠭᠠᠵᠠᠷ ᠢ ᠪᠠᠶᠢᠭᠤᠯᠵᠤ᠂ ᠰᠢᠨ᠎ᠡ ᠬᠡᠪ ᠤᠨ ᠪᠠᠶᠢᠳᠠᠯ ᠢ ᠤᠳᠤᠷᠢᠳᠬᠤ ᠪᠠᠶᠢᠭᠤᠯᠤᠮᠵᠢ ᠲᠤᠭᠳᠠᠴᠠ ᠬᠢᠭᠡᠳ | ᠬᠥᠭᠵᠢᠯᠲᠡ ᠶᠢᠨ ᠠᠷᠭ᠎ᠠ ᠮᠠᠶ᠋ᠢᠭ ᠢ ᠪᠦᠷᠢᠯᠳᠦᠭᠦᠯᠬᠦ ᠶᠢ ᠲᠦᠷᠭᠡᠳᠬᠡᠨ᠂ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ᠂ ᠤᠯᠤᠰ ᠲᠥᠷᠥ ᠶᠢᠨ ᠪᠠᠶᠢᠭᠤᠯᠤᠯᠲᠠ᠂ ᠰᠣᠶᠣᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠬᠢᠭᠡᠳ ᠨᠠᠮ ᠤᠨ ᠪᠠᠶᠢᠭᠤᠯᠤᠯᠲᠠ ᠶᠢ | ᠨᠢᠭᠡᠳᠦᠯᠲᠡᠢ ᠲᠦᠯᠬᠢᠨ ᠠᠬᠢᠭᠤᠯᠵᠤ᠂ ᠪᠠᠶᠠᠨ ᠴᠢᠨᠡᠭᠡᠯᠢᠭ᠂ ᠠᠷᠠᠳᠴᠢᠯᠠᠭᠰᠠᠨ᠂ ᠪᠣᠯᠪᠠᠰᠤᠨ᠂ ᠡᠶ᠎ᠡ ᠵᠣᠬᠢᠴᠠᠩᠭᠤᠢ | ᠠᠯᠠᠱᠠ ᠵᠡᠭᠦᠨ ᠬᠤᠰᠢᠭᠤ ᠶᠢ ᠪᠦᠬᠦ ᠭᠦᠴᠦ ᠪᠠᠷ ᠴᠣᠭᠴᠠᠯᠠᠨ ᠪᠠᠶᠢᠭᠤᠯᠤᠨ᠎ᠠ᠃ | ᠠᠶᠢᠮᠠᠭ ᠤᠨ ᠨᠠᠮ ᠤᠨ ᠬᠤᠷᠢᠶᠠᠨ ᠤ ︽ᠨᠢᠭᠡ ᠶᠢ ᠤᠷᠢᠳᠴᠢᠯᠠᠨ ᠪᠡᠶᠡᠯᠡᠭᠦᠯᠬᠦ︾᠂ ︽ᠬᠤᠶᠠᠷ ᠢ ᠳᠠᠬᠢᠨ ᠢᠶᠠᠷ | ᠨᠡᠮᠡᠭᠳᠡᠭᠦᠯᠬᠦ︾ ︽ᠬᠤᠶᠠᠷ ᠢ ᠥᠨᠳᠥᠷ ᠲᠦᠪᠰᠢᠨ ᠳᠤ ᠬᠦᠷᠭᠡᠬᠦ︾ ᠬᠠᠷᠠᠯᠲᠠ ᠶᠢᠨ ᠱᠠᠭᠠᠷᠳᠠᠯᠭ᠎ᠠ ᠶᠣᠰᠣᠭᠠᠷ᠂ ︽ | ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭᠠᠨ ᠤ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠤᠷᠢᠳᠴᠢᠯᠠᠭᠰᠠᠨ ᠬᠠᠷᠠᠯᠲᠠ ᠪᠣᠯ᠄ 2020 ᠣᠨ ᠪᠣᠯᠬᠤ ᠳᠤ᠂ ᠣᠷᠣᠨ ᠨᠤᠲᠤᠭ ᠤᠨ | ᠦᠢᠯᠡᠳᠪᠦᠷᠢᠯᠡᠯ ᠤᠨ ᠶᠡᠷᠦᠩᠬᠡᠢ ᠥᠷᠲᠡᠭ ᠵᠢᠯ ᠳᠤᠮᠳᠠᠴᠢ 8 % ᠣᠷᠴᠢᠮ ᠢᠶᠠᠷ ᠨᠡᠮᠡᠭᠳᠡᠵᠦ᠂ 500 ᠲᠦᠮᠡ ᠠᠴᠠ | ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ ᠵᠢᠯ ᠳᠤᠮᠳᠠᠴᠢ 10 % ᠣᠷᠴᠢᠮ ᠢᠶᠠᠷ ᠨᠡᠮᠡᠭᠳᠡᠵᠦ᠂ | ᠡᠩ ᠤᠨ ᠨᠡᠶᠢᠲᠡ ᠶᠢᠨ ᠲᠥᠰᠥᠪᠯᠡᠭᠰᠡᠨ ᠣᠷᠣᠯᠭ᠎ᠠ ᠵᠢᠯ ᠳᠤᠮᠳᠠᠴᠢ 7 % ᠣᠷᠴᠢᠮ ᠨᠡᠮᠡᠭᠳᠡᠵᠦ᠂ ᠬᠤᠲᠠ | ᠬᠥᠳᠡᠭᠡ ᠶᠢᠨ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠰᠢᠵᠦ ᠪᠣᠯᠬᠤ ᠣᠷᠣᠯᠭ᠎ᠠ ᠪᠠ ᠮᠠᠯᠵᠢᠬᠤ ᠲᠠᠷᠢᠶᠠᠯᠠᠬᠤ | ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠡᠵᠡᠮᠰᠢᠵᠦ ᠪᠣᠯᠬᠤ ᠣᠷᠣᠯᠭ᠎ᠠ 9 % ᠣᠷᠴᠢᠮ ᠢᠶᠠᠷ ᠨᠡᠮᠡᠭᠳᠡᠵᠦ᠂ | ᠣᠷᠣᠨ ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠬᠥᠮᠥᠨ ᠪᠦᠷᠢ ᠶᠢᠨ ᠲᠡᠭᠰᠢᠳᠬᠡᠭᠰᠡᠨ ᠣᠷᠣᠯᠭ᠎ᠠ ᠶᠢ 2010 ᠣᠨ ᠲᠠᠢ ᠬᠠᠷᠢᠴᠠᠭᠤᠯᠪᠠᠯ ᠨᠢᠭᠡ ᠳᠠᠬᠢᠨ ᠥᠰᠬᠡᠵᠦ᠂ | ᠪᠦᠬᠦ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠣᠷᠣᠯᠭ᠎ᠠ ᠶᠢ ᠵᠢᠯ ᠳᠤᠮᠳᠠᠴᠢ | 9 % ᠣᠷᠴᠢᠮ ᠨᠡᠮᠡᠭᠳᠡᠭᠦᠯᠵᠦ᠂ ᠡᠯ᠎ᠡ ᠲᠥᠷᠥᠯ ᠤᠨ ᠬᠢᠵᠠᠭᠠᠷᠯᠠᠬᠤ ᠴᠢᠨᠠᠷᠳᠠᠢ ᠭᠦᠢᠴᠡᠳᠬᠡᠬᠦ ᠲᠤᠭ᠎ᠠ ᠶᠢ ᠳᠡᠭᠡᠳᠦ | ᠱᠠᠲᠤᠨ ᠤ ᠲᠣᠭᠲᠠᠭᠠᠭᠰᠠᠨ ᠬᠡᠪᠴᠢᠶᠡᠨ ᠳᠤ ᠬᠢᠵᠠᠭᠠᠷᠯᠠᠨ᠎ᠠ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠠ ᠳᠣᠣᠷᠠᠬᠢ ᠲᠠᠪᠤᠨ ᠲᠠᠯ᠎ᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠢ᠃ | ︵ᠨᠢᠭᠡ︶ ᠰᠢᠨ᠎ᠡ ᠶᠢ ᠡᠭᠦᠳᠬᠦ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠂ ᠠᠵᠤ | ᠠᠬᠤᠢ ᠶᠢᠨ ᠬᠥᠭᠵᠢᠯᠲᠡ ᠶᠢᠨ ᠴᠢᠨᠠᠷ ᠴᠢᠨᠰᠠᠭ᠎ᠠ ᠪᠠ ᠦᠷ᠎ᠡ ᠠᠰᠢᠭ ᠢ ᠳᠡᠭᠡᠭᠰᠢᠯᠡᠭᠦᠯᠥᠨ᠎ᠠ᠃ | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠵᠢᠯᠣᠭᠤᠳᠬᠤ ᠨᠢᠭᠡᠳᠦᠭᠡᠷ ᠬᠥᠳᠡᠯᠭᠡᠭᠴᠢ ᠬᠦᠴᠦᠨ ᠮᠥᠨ᠃ ᠪᠢᠳᠠ | ᠵᠠᠪᠠᠯ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠶᠢ ᠭᠤᠶᠢᠪᠢᠰᠢ ᠦᠭᠡᠢ ᠪᠠᠷᠢᠮᠲᠠᠯᠠᠬᠤ ᠶᠢ ᠬᠥᠭᠵᠢᠯᠲᠡ ᠶᠢᠨ | ᠪᠦᠬᠦ ᠪᠠᠶᠢᠳᠠᠯ ᠤᠨ ᠭᠤᠣᠯ ᠪᠠᠶᠢᠷᠢᠨ ᠳᠤ ᠲᠠᠯᠪᠢᠵᠤ᠂ ᠬᠥᠭᠵᠢᠯᠲᠡ ᠶᠢᠨ ᠬᠥᠳᠡᠯᠭᠡᠭᠴᠢ ᠬᠦᠴᠦᠨ ᠵᠦᠢᠯ ᠨᠢ | ᠭᠤᠤᠯᠳᠠᠭᠤ ᠡᠯᠧᠮᠧᠨ᠋ᠲ ᠪᠠᠷ ᠭᠦᠳᠡᠯᠭᠡᠭᠦᠷ ᠪᠤᠯᠭᠠᠬᠤ ᠂ ᠪᠡᠯᠡ ᠣᠷᠤᠭᠤᠯᠤᠯᠲᠠ ᠪᠠᠷ ᠭᠦᠳᠡᠯᠭᠡᠭᠦᠷ ᠪᠤᠯᠭᠠᠬᠤ ᠳᠤ | ᠲᠦᠰᠢᠭᠯᠡᠵᠦ ᠪᠠᠶᠢᠭᠰᠠᠨ ᠢ ᠰᠢᠨ᠎ᠡ ᠶᠢ ᠡᠭᠦᠳᠬᠦ ᠪᠠᠷ ᠬᠦᠳᠡᠯᠭᠡᠭᠦᠷ ᠪᠣᠯᠭᠠᠬᠤ ᠲᠡᠰᠢ ᠬᠤᠪᠢᠷᠠᠭᠤᠯᠬᠤ ᠶᠢ ᠲᠦᠯᠬᠢᠨ | ᠠᠬᠢᠭᠤᠯᠵᠤ᠂ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠦᠴᠦᠨ ᠴᠢᠳᠠᠯ ᠢ | ᠣᠯᠭᠤᠨ᠎ᠠ᠃ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠲᠦᠷᠭᠡᠳᠭᠡᠨ ᠬᠡᠷᠡᠭᠵᠢᠭᠦᠯᠵᠦ᠂ | ᠦᠢᠯᠡᠳᠪᠦᠷᠢᠯᠡᠯ᠂ ᠰᠤᠷᠭᠠᠨ ᠬᠥᠮᠥᠵᠢᠯ᠂ ᠰᠤᠳᠤᠯᠭᠠᠨ ᠤ ᠰᠠᠯᠠᠭ᠎ᠠ ᠮᠥᠴᠢᠷ ᠤᠨ ᠬᠠᠮᠲᠤᠷᠠᠯᠴᠠᠭ᠎ᠠ ᠶᠢ | ᠴᠢᠩᠭᠠᠳᠬᠠᠵᠤ᠂ ᠠᠵᠤ ᠠᠬᠤᠶᠢᠯᠠᠯ ᠤᠨ ᠪᠡᠶ᠎ᠠ ᠪᠠᠨ ᠳᠠᠭᠠᠭᠠᠵᠥ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠂ ᠪᠠᠯ | ᠴᠢᠯᠠᠭᠤᠨ ᠤ ᠠᠯᠺᠧᠨ ᠵᠢᠴᠢ ᠬᠡᠯᠬᠢᠶᠠᠨ ᠤ ᠳᠣᠣᠷᠠᠳᠤ ᠬᠡᠰᠡᠭ ᠤᠨ ᠨᠡᠶᠢᠯᠡᠮᠡᠯ ᠮᠠᠲ᠋ᠧᠷᠢᠶᠠᠯ᠂ ᠥᠩᠭᠡᠲᠦ ᠲᠡᠮᠦᠷᠯᠢᠭ᠂ | ᠡᠯᠡᠰᠦᠨ ᠤ ᠠᠵᠤ ᠦᠢᠯᠡᠰ᠂ ᠲᠡᠮᠡᠭᠡᠨ ᠤ ᠠᠵᠤ ᠦᠢᠯᠡᠰ᠂ ᠬᠢᠲᠠᠳ ᠮᠣᠩᠭᠤᠯ ᠡᠮᠨᠡᠯᠭᠡ᠂ ᠰᠢᠨ᠎ᠡ ᠬᠡᠯᠪᠡᠷᠢ ᠶᠢᠨ | ᠪᠠᠷᠢᠯᠭ᠎ᠠ ᠶᠢᠨ ᠮᠠᠲ᠋ᠧᠷᠢᠶᠠᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷ᠎ᠠ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠪᠠ ᠪᠦᠲᠦᠭᠡᠭᠳᠡᠬᠦᠨ ᠢ ᠰᠤᠳᠤᠯᠤᠨ ᠪᠦᠲᠦᠭᠡᠬᠦ ᠶᠢᠨ ᠲᠣᠭᠤᠷᠢᠨ ᠳᠤ᠂ ᠨᠢᠭᠡ ᠪᠦᠯᠦᠭ ᠵᠠᠩᠭᠢᠯᠠᠭ᠎ᠠ ᠪᠠ | ᠨᠡᠶᠢᠲᠡᠯᠢᠭ ᠴᠢᠨᠠᠷᠲᠠᠢ ᠮᠡᠷᠭᠡᠵᠢᠯ ᠤᠨ ᠰᠢᠪᠲᠤᠯᠤᠯᠲᠠ ᠬᠢᠵᠦ᠂ ᠨᠢᠭᠡ ᠪᠦᠯᠦᠭ ᠪᠡᠶ᠎ᠠ ᠪᠠᠨ ᠳᠠᠭᠠᠭᠠᠭᠰᠠᠨ | ᠮᠡᠳᠡᠯᠭᠡ ᠶᠢᠨ ᠥᠮᠴᠢᠯᠡᠬᠦ ᠡᠷᠬᠡ ᠲᠠᠢ᠂ ᠥᠪᠡᠷᠮᠢᠴᠡ ᠣᠨᠴᠠᠭᠠᠢ᠂ ᠨᠡᠮᠡᠯᠲᠡ ᠥᠷᠲᠡᠭ ᠥᠨᠳᠥᠷ ᠪᠦᠲᠦᠭᠡᠭᠳᠡᠬᠦᠨ ᠢ | ᠪᠦᠷᠢᠯᠳᠦᠭᠦᠯᠬᠦ ᠶᠢ ᠲᠦᠷᠭᠡᠳᠬᠡᠨ᠎ᠡ᠃ ᠢᠨᠲ᠋ᠧᠷ ᠰᠦᠯᠵᠢᠶᠡᠨ ᠤ ᠠᠵᠤ ᠠᠬᠤᠢ ᠶᠢᠨ ᠬᠥᠭᠵᠢᠯᠲᠡ ᠶᠢ ᠲᠦᠷᠭᠡᠳᠬᠡᠵᠦ᠂ | ︽ ᠢᠨᠲ᠋ᠧᠷ ᠰᠦᠯᠵᠢᠶ᠎ᠡ +︾ ᠠᠵᠢᠯᠯᠠᠭᠠᠨ ᠤ ᠲᠥᠯᠥᠪᠵᠢᠭᠦᠯᠭᠡ ᠶᠢ ᠬᠡᠷᠡᠭᠵᠢᠭᠦᠯᠦᠨ᠂ ᠰᠤᠷᠠᠭ ᠵᠠᠩᠭᠢᠴᠢᠯᠠᠯᠲᠠ ᠪᠠ | ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠬᠠᠮᠢᠶᠠᠷᠤᠯᠲᠠ ᠲᠠᠢ ᠭᠦᠨᠵᠡᠭᠡᠢ ᠨᠡᠶᠢᠯᠡᠯᠴᠡᠬᠦ ᠶᠢ ᠴᠢᠩᠭᠠᠳᠬᠠᠵᠤ᠂ | ᠶᠡᠭᠡ ᠲᠤᠭ᠎ᠠ ᠪᠠᠷᠢᠮᠲᠠ᠂ ᠡᠳ᠋ ᠪᠠᠷᠠᠭᠠᠨ ᠤ ᠰᠦᠯᠵᠢᠶ᠎ᠡ᠂ ᠰᠢᠯᠵᠢᠮᠡᠯ ᠰᠦᠯᠵᠢᠶ᠎ᠡ ᠵᠡᠷᠭᠡ ᠰᠤᠷᠠᠭ ᠵᠠᠩᠭᠢ ᠶᠢᠨ | ᠰᠢᠨᠵᠢᠯᠡᠭᠡ ᠮᠡᠷᠭᠡᠵᠢᠯ ᠢ ᠲᠠᠷᠢᠶᠠᠯᠠᠩ ᠦᠢᠯᠡᠳᠪᠦᠷᠢᠯᠡᠯ᠂ ᠰᠣᠶᠣᠯ ᠵᠢᠭᠤᠯᠴᠢᠯᠠᠯ᠂ ᠣᠳᠣᠬᠢᠴᠢᠯᠠᠭᠰᠠᠨ ᠡᠳ᠋ | ᠪᠠᠷᠠᠭ᠎ᠠ ᠶᠢᠨ ᠭᠦᠢᠯᠭᠡᠭᠡ ᠵᠡᠷᠭᠡ ᠬᠦᠷᠢᠶ᠎ᠡ ᠴᠠᠷ᠎ᠠ ᠳᠤ ᠥᠷᠭᠡᠨ ᠢᠶᠠᠷ ᠬᠡᠷᠡᠭᠯᠡᠬᠦ ᠶᠢ ᠲᠦᠯᠬᠢᠨ ᠠᠬᠢᠭᠤᠯᠵᠤ᠂ | ᠦᠢᠯᠡᠳᠪᠦᠷᠢᠯᠡᠯ ᠤᠨ ᠠᠷᠭ᠎ᠠ ᠮᠠᠶ᠋ᠢᠭ᠂ ᠡᠵᠡᠩᠨᠡᠯᠲᠡ ᠶᠢᠨ ᠵᠠᠭᠪᠤᠷ ᠬᠢᠭᠡᠳ ᠠᠵᠤ ᠦᠢᠯᠡᠰ ᠤᠨ ᠪᠦᠲᠦᠴᠡ ᠶᠢᠨ ᠳᠡᠰ | ᠳᠡᠪᠰᠢᠬᠦ ᠶᠢ ᠠᠬᠢᠭᠤᠯᠤᠨ᠎ᠠ᠃ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠶᠢ ᠲᠦᠷᠭᠡᠳᠭᠡᠨ ᠠᠬᠢᠭᠤᠯᠬᠤ ᠶᠢ | ᠲᠦᠷᠭᠡᠳᠬᠡᠵᠦ᠂ ᠪᠡᠯᠡ ᠮᠥᠩᠭᠦ ᠨᠡᠶᠢᠯᠡᠭᠦᠯᠬᠦ ᠲᠠᠪᠴᠠᠩ ᠢ ᠪᠤᠵᠠᠭᠠᠶᠢᠷᠠᠭᠤᠯᠵᠤ᠂ ᠪᠠᠩᠬᠢ ᠶᠢᠨ ᠪᠤᠰᠤ ᠴᠢᠨᠠᠷᠲᠠᠢ | ᠮᠥᠩᠭᠦᠨ ᠭᠦᠢᠯᠭᠡᠭᠡᠨ ᠤ ᠪᠠᠶᠢᠭᠤᠯᠭ᠎ᠠ ᠬᠢᠭᠡᠳ ᠰᠢᠨ᠎ᠡ ᠬᠡᠯᠪᠡᠷᠢ ᠶᠢᠨ ᠮᠥᠩᠭᠦᠨ ᠭᠦᠢᠯᠭᠡᠭᠡᠨ ᠤ ᠵᠣᠬᠢᠶᠠᠨ | ᠪᠠᠶᠢᠭᠤᠯᠤᠯᠲᠠ ᠶᠢ ᠶᠡᠭᠡ ᠬᠦᠴᠦᠨ ᠢᠶᠠᠷ ᠬᠥᠭᠵᠢᠭᠦᠯᠵᠦ᠂ ᠠᠷᠠᠳ ᠤᠨ ᠳᠤᠮᠳᠠᠬᠢ ᠪᠡᠯᠡ ᠮᠥᠩᠭᠦ᠂ ᠨᠡᠶᠢᠭᠡᠮ ᠤᠨ | ᠪᠡᠯᠡ ᠮᠥᠩᠭᠦ ᠤᠨ ᠮᠥᠩᠭᠦᠨ ᠭᠦᠢᠯᠭᠡᠭᠡᠨ ᠤ ᠬᠦᠷᠢᠶ᠎ᠡ ᠴᠠᠷ᠎ᠠ ᠳᠤ ᠣᠷᠣᠬᠤ ᠶᠢ ᠵᠣᠷᠢᠭᠵᠢᠭᠤᠯᠤᠨ᠂ ᠠᠵᠤ | ᠠᠬᠤᠶᠢᠯᠠᠯ ᠤᠨ ᠰᠢᠭᠤᠳ ᠪᠡᠯᠡ ᠮᠥᠩᠭᠦ ᠬᠤᠷᠠᠮᠳᠤᠭᠤᠯᠬᠤ ᠶᠢ ᠳᠡᠮᠵᠢᠨ᠎ᠡ᠃ ᠴᠢᠳᠠᠪᠤᠷᠢᠲᠠᠨ ᠢ ᠬᠥᠮᠥᠵᠢᠭᠦᠯᠬᠦ ᠪᠠ | ᠲᠠᠲᠠᠨ ᠣᠷᠣᠭᠤᠯᠬᠤ ᠶᠢ ᠲᠦᠷᠭᠡᠳᠬᠡᠵᠦ᠂ ᠴᠢᠳᠠᠪᠤᠷᠢᠲᠠᠨ ᠢ ᠰᠢᠨ᠎ᠡ ᠶᠢ ᠡᠭᠦᠳᠬᠦ ᠶᠢᠨ ᠨᠢᠭᠡᠳᠦᠭᠡᠷ ᠡᠬᠢ ᠪᠠᠶᠠᠯᠢᠭ | ᠪᠣᠯᠭᠠᠬᠤ ᠶᠢ ᠪᠠᠷᠢᠮᠲᠠᠯᠠᠵᠤ᠂ ᠮᠥᠩᠭᠦᠨ ᠭᠦᠢᠯᠭᠡᠭᠡ ᠳᠠᠭᠠᠳᠬᠠᠯ᠂ ᠰᠤᠷᠭᠠᠨ ᠬᠥᠮᠥᠵᠢᠯ ᠡᠷᠡᠭᠦᠯ ᠬᠠᠮᠠᠭᠠᠯᠠᠯ᠂ ᠰᠣᠶᠣᠯ | ᠵᠢᠭᠤᠯᠴᠢᠯᠠᠯ᠂ ᠲᠣᠣᠷ ᠰᠦᠯᠵᠢᠶᠡᠨ ᠤ ᠰᠤᠷᠠᠭ ᠵᠠᠩᠭᠢ᠂ ᠪᠣᠯᠣᠷ ᠡᠷᠳᠡᠨᠢ ᠶᠢᠨ ᠴᠢᠯᠠᠭᠤᠨ ᠤ ᠰᠡᠶᠢᠯᠦᠮᠡᠯ ᠵᠡᠷᠭᠡ | ᠬᠦᠷᠢᠶ᠎ᠡ ᠴᠠᠷ᠎ᠠ ᠶᠢᠨ ᠲᠤᠰᠬᠠᠢ ᠴᠢᠳᠠᠪᠤᠷᠢᠲᠠᠨ ᠢ ᠬᠥᠮᠥᠵᠢᠭᠦᠯᠬᠦ ᠪᠠ ᠲᠠᠲᠠᠨ ᠣᠷᠣᠭᠤᠯᠬᠤ ᠶᠢ ᠴᠢᠩᠭᠠᠳᠬᠠᠵᠤ᠂ | ᠰᠢᠨ᠎ᠡ ᠶᠢ ᠡᠭᠦᠳᠥᠨ ᠭᠦᠭᠵᠢᠭᠦᠯᠭᠦ ᠳᠤ ᠴᠢᠳᠠᠪᠦᠷᠢᠳᠠᠨ ᠤ ᠪᠠᠳᠥᠯᠭᠠ ᠬᠠᠩᠭᠠᠨ᠎ᠠ᠃ ᠪᠦᠬᠦ ᠲᠠᠯ᠎ᠠ ᠪᠠᠷ | ᠥᠭᠡᠷᠡᠴᠢᠯᠡᠯᠲᠡ ᠬᠢᠬᠦ ᠶᠢ ᠲᠦᠷᠭᠡᠳᠬᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠮᠠᠨ ᠤ ᠣᠷᠣᠨ ᠳᠤ | ᠨᠠᠶᠢᠳᠠᠭᠰᠠᠨ ᠤᠷᠢᠳᠴᠢᠯᠠᠨ ᠲᠤᠷᠰᠢᠯᠲᠠ ᠬᠢᠬᠦ ᠭᠤᠷᠪᠠᠨ ᠲᠥᠷᠥᠯ ᠤᠨ ᠭᠤᠣᠯᠳᠠᠯᠭ᠎ᠠ ᠲᠠᠢ ᠥᠭᠡᠷᠡᠴᠢᠯᠡᠯᠲᠡ ᠶᠢᠨ | ᠡᠭᠦᠷᠭᠡ ᠬᠢᠭᠡᠳ ᠮᠠᠨ ᠤ ᠬᠤᠰᠢᠭᠤᠨ ᠤ ᠡᠭᠦᠷᠭᠡᠯᠡᠵᠦ ᠪᠠᠶᠢᠭ᠎ᠠ ᠲᠥᠪ᠂ ᠥᠪᠡᠷᠲᠡᠭᠡᠨ ᠵᠠᠰᠠᠬᠤ ᠣᠷᠣᠨ ᠬᠢᠭᠡᠳ | ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠶᠢᠨ ᠠᠷᠪᠠᠨ ᠳᠣᠯᠣᠭᠠᠨ ᠲᠥᠷᠥᠯ ᠤᠨ ᠥᠭᠡᠷᠡᠴᠢᠯᠡᠯᠲᠡ ᠶᠢᠨ | ᠲᠤᠷᠰᠢᠯᠲᠠ ᠶᠢᠨ ᠡᠭᠦᠷᠭᠡ ᠶᠢ ᠨᠠᠷᠢᠨ ᠠᠳᠬᠤᠵᠤ᠂ ᠤᠯᠤᠰ ᠤᠨ ᠡᠳ᠋ ᠬᠥᠷᠥᠩᠭᠡ ᠶᠢᠨ ᠬᠠᠮᠢᠶᠠᠷᠤᠯᠲᠠ᠂ ᠪᠡᠯᠡ | ᠣᠷᠣᠭᠤᠯᠵᠤ ᠨᠡᠶᠢᠯᠡᠭᠦᠯᠬᠦ ᠲᠣᠭᠲᠠᠯᠴᠠᠭ᠎ᠠ᠂ ᠵᠠᠰᠠᠭ ᠵᠠᠬᠢᠷᠭᠠᠨ ᠤ ᠡᠷᠬᠡ ᠶᠢᠨ ᠳᠦᠷᠢᠮ ᠬᠢᠭᠡᠳ ᠤᠴᠢᠷ ᠵᠥᠪᠯᠡᠬᠦ | ᠳᠦᠷᠢᠮ᠂ ᠡᠳ᠋ ᠤᠨ ᠵᠠᠰᠠᠭ ᠭᠠᠶᠢᠯᠢ ᠶᠢᠨ ᠲᠣᠭᠲᠠᠯᠴᠠᠭ᠎ᠠ᠂ ᠰᠣᠶᠣᠯ ᠤᠨ ᠲᠣᠭᠲᠠᠯᠴᠠᠭ᠎ᠠ᠂ ᠨᠡᠶᠢᠭᠡᠮ ᠤᠨ | ᠲᠣᠭᠲᠠᠯᠴᠠᠭ᠎ᠠ᠂ ᠠᠷᠠᠳᠴᠢᠯᠠᠯ᠂ ᠬᠠᠤᠯᠢ ᠪᠠᠷ ᠵᠠᠰᠠᠬᠤ ᠲᠣᠭᠲᠠᠯᠴᠠᠭ᠎ᠠ᠂ ᠨᠠᠮ ᠤᠨ ᠪᠦᠲᠦᠭᠡᠨ ᠪᠠᠶᠢᠭᠤᠯᠤᠯᠲᠠ | ᠬᠢᠭᠡᠳ ᠰᠠᠬᠢᠯᠭ᠎ᠠ ᠪᠠᠲᠤ ᠪᠠᠶᠢᠴᠠᠭᠠᠬᠤ ᠲᠣᠭᠲᠠᠯᠴᠠᠭ᠎ᠠ ᠵᠡᠷᠭᠡ ᠨᠠᠢᠮᠠᠨ ᠲᠠᠯ᠎ᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠳᠤ ᠠᠰᠢᠭᠲᠠᠢ ᠲᠣᠭᠲᠠᠯᠴᠠᠭ᠎ᠠ ᠪᠠ ᠪᠠᠶᠢᠭᠤᠯᠤᠮᠵᠢ ᠶᠢ | ᠪᠦᠲᠦᠭᠡᠨ ᠪᠠᠶᠢᠭᠤᠯᠤᠨ᠎ᠠ᠃ | ︵ᠬᠤᠶᠠᠷ︶ ᠵᠤᠬᠢᠴᠨᠩᠭᠤᠢ ᠪᠠᠷ ᠭᠦᠭᠵᠢᠭᠦᠯᠭᠦ ᠣᠶᠢᠯᠠᠭᠠᠯᠲᠠ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ᠂ | ᠬᠤᠲᠠ ᠬᠥᠳᠡᠭᠡ ᠶᠢᠨ ᠪᠦᠬᠦ ᠲᠠᠯ᠎ᠠ ᠪᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ ᠵᠤᠬᠢᠴᠠᠩᠭᠤᠢ ᠪᠣᠯ | ᠦᠷᠭᠦᠯᠵᠢᠯᠡᠨ ᠡᠷᠡᠭᠦᠯ ᠢᠶᠠᠷ ᠬᠥᠭᠵᠢᠬᠦ ᠳᠣᠲᠣᠭᠠᠳᠤ ᠱᠠᠭᠠᠷᠳᠠᠯᠭ᠎ᠠ ᠶᠤᠮ᠃ ᠪᠢᠳᠠ ᠵᠠᠪᠠᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠭᠦ ᠲᠠᠯ᠎ᠠ ᠠᠴᠠ ᠪᠣᠳᠣᠯᠬᠢᠯᠠᠵᠤ᠂ ᠬᠤᠲᠠ ᠬᠥᠳᠡᠭᠡ ᠶᠢᠨ ᠬᠥᠭᠵᠢᠯᠲᠡ ᠵᠣᠬᠢᠴᠠᠯᠲᠠᠢ | ᠪᠤᠰᠤ᠂ ᠲᠡᠩᠴᠡᠪᠦᠷᠢᠲᠠᠢ ᠪᠤᠰᠤ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠨ᠎ᠡ᠃ ︽ᠬᠤᠰᠢᠭᠤ ᠶᠢ ᠬᠤᠲᠠ | ᠪᠣᠯᠭᠠᠬᠤ︾ ᠠᠵᠢᠯ ᠢ ᠴᠢᠷᠮᠠᠶᠢᠨ ᠠᠬᠢᠭᠤᠯᠤᠨ᠎ᠠ᠃ ᠥᠨᠳᠥᠷ ᠪᠠᠷᠢᠮᠵᠢᠶ᠎ᠠ ᠪᠠᠷ ᠪᠠᠶᠠᠨᠬᠤᠲᠠ ᠶᠢ ᠲᠥᠯᠥᠪᠯᠡᠨ | ᠪᠠᠶᠢᠭᠤᠯᠵᠤ᠂ ︽ᠴᠡᠪᠡᠷ ᠴᠡᠮᠴᠡᠭᠡᠷ᠂ ᠠᠮᠢᠳᠤᠷᠠᠨ ᠰᠠᠭᠤᠷᠢᠰᠢᠬᠤ ᠳᠤ ᠲᠤᠬᠢᠷᠠᠮᠵᠢᠳᠠᠢ︾ ᠳᠡᠯᠡᠬᠡᠢ ᠶᠢᠨ | ᠵᠢᠭᠤᠯᠴᠢᠯᠠᠯ ᠤᠨ ᠬᠤᠲᠠ ᠶᠢᠨ ᠬᠠᠷᠠᠯᠲᠠ ᠶᠣᠰᠣᠭᠠᠷ᠂ ᠬᠤᠲᠠ ᠶᠢᠨ ᠲᠥᠯᠥᠪᠵᠢᠭᠦᠯᠭᠡ ᠶᠢᠨ ᠰᠢᠰᠲ᠋ᠧᠮ ᠢ | ᠲᠡᠭᠦᠯᠳᠡᠷᠵᠢᠭᠦᠯᠵᠦ᠂ ᠲᠥᠯᠥᠪᠵᠢᠭᠦᠯᠭᠡ ᠬᠢᠭᠡᠳ ᠬᠤᠪᠢᠷᠠᠯᠲᠠ᠂ ᠦᠯᠡᠳᠡᠭᠳᠡᠯ ᠬᠢᠭᠡᠳ ᠬᠠᠷᠠᠮᠰᠠᠯ᠂ ᠬᠤᠲᠠ ᠬᠢᠭᠡᠳ | ᠬᠥᠮᠥᠨ ᠠᠮᠠ᠂ ᠪᠦᠲᠦᠭᠡᠨ ᠪᠠᠶᠢᠭᠤᠯᠬᠤ ᠪᠠ ᠨᠤᠷᠠᠭᠠᠵᠤ ᠨᠡᠭᠦᠯᠭᠡᠬᠦ᠂ ᠪᠠᠷᠢᠯᠭ᠎ᠠ ᠬᠢᠭᠡᠳ ᠨᠣᠭᠤᠭᠠᠷᠠᠭᠤᠯᠤᠯᠲᠠ ᠶᠢᠨ | ᠭᠠᠵᠠᠷ᠂ ᠭᠠᠵᠠᠷ ᠳᠡᠭᠡᠷᠡᠬᠢ ᠪᠠ ᠭᠠᠵᠠᠷ ᠳᠣᠣᠷᠠᠬᠢ᠂ ᠪᠦᠲᠦᠭᠡᠨ ᠪᠠᠶᠢᠭᠤᠯᠬᠤ ᠪᠠ ᠬᠠᠮᠢᠶᠠᠷᠤᠯᠲᠠ᠂ ᠪᠦᠲᠦᠭᠡᠨ | ᠪᠠᠶᠢᠭᠤᠯᠬᠤ ᠪᠠ ᠪᠡᠯᠡ ᠮᠥᠩᠭᠦ ᠵᠡᠷᠭᠡ ᠨᠠᠢᠮᠠᠨ ᠲᠠᠯ᠎ᠠ ᠶᠢᠨ ᠬᠠᠷᠢᠴᠠᠭ᠎ᠠ ᠶᠢ ᠰᠠᠶᠢᠲᠤᠷ ᠰᠢᠢᠳᠪᠦᠷᠢᠯᠡᠵᠦ᠂ ᠬᠤᠲᠠ ᠶᠢᠨ | ᠪᠠᠷᠢᠯᠭ᠎ᠠ ᠡᠰᠡ ᠪᠠᠷᠢᠵᠤ ᠪᠣᠯᠬᠤ ᠬᠡᠰᠡᠭ᠂ ᠬᠡᠮᠵᠢᠶᠡᠲᠡᠢ ᠪᠠᠷᠢᠵᠤ ᠪᠣᠯᠬᠤ ᠬᠡᠰᠡᠭ᠂ ᠪᠠᠷᠢᠯᠭ᠎ᠠ ᠪᠠᠷᠢᠬᠤ ᠳᠤ | ᠲᠣᠬᠢᠷᠠᠮᠵᠢᠲᠠᠢ ᠬᠡᠰᠡᠭ ᠬᠢᠭᠡᠳ ᠤᠰᠤᠨ ᠴᠣᠭᠴᠠ ᠶᠢᠨ ᠬᠠᠮᠠᠭᠠᠯᠠᠯᠲᠠ ᠶᠢᠨ ᠱᠤᠭᠤᠮ᠂ ᠨᠣᠭᠤᠭᠠᠷᠠᠭᠤᠯᠤᠯᠲᠠ ᠶᠢᠨ | ᠭᠠᠵᠠᠷ ᠤᠨ ᠰᠢᠰᠲ᠋ᠧᠮ ᠤᠨ ᠱᠤᠭᠤᠮ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ | ᠬᠢᠵᠠᠭᠠᠷᠯᠠᠯᠲᠠ ᠶᠢᠨ ᠱᠤᠭᠤᠮ᠂ ᠲᠡᠦᠬᠡ ᠰᠣᠶᠣᠯ ᠤᠨ ᠬᠠᠮᠠᠭᠠᠯᠠᠯᠲᠠ ᠶᠢᠨ ᠱᠤᠭᠤᠮ᠂ ᠦᠨᠳᠦᠰᠦᠨ ᠲᠠᠷᠢᠶᠠᠨ ᠭᠠᠵᠠᠷ | ᠪᠠ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ | ᠬᠤᠲᠠ ᠶᠢᠨ ᠬᠡᠪᠴᠢᠶ᠎ᠡ᠂ ᠨᠡᠭᠡᠭᠡᠬᠦ ᠬᠢᠵᠠᠭᠠᠷ᠂ ᠨᠡᠭᠡᠭᠡᠬᠦ ᠬᠦᠴᠦᠯᠡᠴᠡ ᠪᠠ ᠬᠠᠮᠠᠭᠠᠯᠠᠯᠲᠠ ᠶᠢᠨ ᠴᠢᠨᠠᠷᠲᠠᠢ ᠣᠷᠣᠨ | ᠵᠠᠢ ᠶᠢ ᠵᠣᠬᠢᠰᠲᠠᠢ ᠲᠣᠭᠲᠠᠭᠠᠵᠤ᠂ ᠬᠤᠲᠠ ᠶᠢᠨ ᠣᠷᠣᠨ ᠵᠠᠢ ᠶᠢᠨ ᠪᠣᠰᠤᠭ᠎ᠠ ᠳᠦᠷᠰᠦᠲᠦ ᠴᠢᠨᠠᠷ᠂ ᠬᠠᠪᠲᠠᠭᠠᠢ | ᠲᠠᠯ᠎ᠠ ᠶᠢᠨ ᠵᠣᠬᠢᠴᠠᠯᠲᠤ ᠴᠢᠨᠠᠷ᠂ ᠲᠦᠷᠰᠥ ᠪᠠᠶᠢᠳᠠᠯ ᠤᠨ ᠪᠦᠬᠦ ᠲᠠᠯᠠᠲᠤ ᠴᠢᠨᠠᠷ ᠬᠢᠭᠡᠳ ᠰᠣᠶᠣᠯ ᠤᠨ ᠵᠠᠯᠭᠠᠮᠵᠢᠯᠠᠬᠤ | ᠴᠢᠨᠠᠷ ᠢ ᠴᠢᠩᠭᠠᠳᠬᠠᠨ᠎ᠠ᠃ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠶᠢ ᠶᠡᠭᠡ | ᠬᠦᠴᠦᠨ ᠢᠶᠠᠷ ᠲᠦᠯᠬᠢᠨ ᠠᠬᠢᠭᠤᠯᠵᠤ᠂ ︽ᠠᠷᠪᠠ ᠶᠢ ᠪᠦᠷᠬᠦᠭᠦᠯᠬᠦ ︾ ᠢᠨᠵᠧᠨᠧᠷᠢᠩ ᠢᠶᠠᠷ ᠪᠠᠷᠢᠴᠠ ᠪᠣᠯᠭᠠᠨ᠂ | ᠲᠠᠷᠢᠶᠠᠯᠠᠩ ᠢ ᠴᠤᠮᠬᠠᠳᠬᠠᠬᠤ ᠬᠥᠳᠡᠭᠡ ᠲᠣᠰᠬᠤᠨ ᠢ ᠨᠢᠭᠡᠳᠬᠡᠬᠦ᠂ ᠲᠠᠷᠢᠶᠠᠴᠢᠳ ᠢ ᠲᠥᠪᠯᠡᠷᠡᠭᠦᠯᠬᠦ ᠬᠢᠭᠡᠳ | ᠮᠠᠯᠵᠢᠬᠤ ᠣᠷᠣᠨ ᠢ ᠵᠣᠬᠢᠰᠲᠠᠢ ᠭᠦᠭᠵᠢᠭᠦᠯᠭᠦ᠂ ᠮᠠᠯᠴᠢᠳ ᠦᠢᠯᠡᠰ ᠪᠣᠰᠬᠠᠨ ᠬᠥᠪᠡᠭᠡ ᠬᠢᠵᠠᠭᠠᠷ ᠢ ᠬᠠᠮᠠᠭᠠᠯᠠᠬᠤ | ᠱᠠᠭᠠᠷᠳᠠᠯᠭ᠎ᠠ ᠶᠣᠰᠣᠭᠠᠷ᠂ ᠭᠠᠴᠠᠭ᠎ᠠ ᠲᠣᠰᠬᠤᠨ ᠤ ᠦᠢᠯᠡᠳᠪᠦᠷᠢᠯᠡᠯ ᠤᠨ ᠬᠦᠴᠦᠨ ᠤ ᠪᠠᠶᠢᠷᠢᠯᠠᠭᠤᠯᠤᠯᠲᠠ ᠳᠠᠬᠢ | ᠲᠣᠬᠢᠷᠠᠭᠤᠯᠤᠯᠲᠠ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠨ ᠠᠮᠠ ᠶᠢᠨ ᠬᠤᠲᠠ ᠲᠡᠰᠢ ᠡᠮᠬᠢ | ᠵᠢᠷᠤᠮ ᠲᠠᠢ ᠰᠢᠯᠵᠢᠨ ᠲᠥᠪᠯᠡᠷᠡᠬᠦ ᠶᠢ ᠤᠳᠤᠷᠢᠳᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠴᠢᠨ ᠲᠣᠭᠤᠷᠢᠨ ᠳᠤ | ᠶᠡᠷᠦᠩᠬᠡᠢ ᠵᠠᠰᠠᠯᠲᠠ ᠬᠢᠬᠦ ᠶᠢ ᠭᠦᠨᠵᠡᠭᠡᠢ ᠲᠦᠯᠬᠢᠨ ᠠᠬᠢᠭᠤᠯᠵᠤ᠂ ᠨᠡᠶᠢᠲᠡ ᠶᠢᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠡᠯᠡ ᠣᠷᠤᠭᠤᠯᠤᠯᠲᠠ ᠪᠠ ᠬᠠᠮᠢᠶᠠᠷᠤᠯᠲᠠ ᠶᠢᠨ ᠪᠠᠶᠢᠩᠭᠤ ᠪᠦᠳᠦᠮᠵᠢᠳᠥ ᠲᠤᠭᠳᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠬᠤᠲᠠ ᠶᠢᠨ ᠨᠡᠶᠢᠲᠡ ᠶᠢᠨ ᠦᠢᠯᠡᠴᠢᠯᠡᠭᠡ ᠬᠥᠳᠡᠭᠡ ᠲᠣᠰᠬᠤᠨ ᠤᠷᠤᠭᠤ | ᠦᠷᠭᠦᠯᠵᠢᠯᠡᠬᠦ ᠶᠢ ᠲᠦᠯᠬᠢᠨ ᠠᠬᠢᠭᠤᠯᠵᠤ᠂ ᠵᠢᠷᠠᠲᠠᠢ᠂ ᠣᠯᠠᠨᠪᠤᠯᠠᠭ᠂ ᠪᠠᠷᠠᠭᠤᠨ ᠪᠡᠯ ᠵᠡᠷᠭᠡ ᠨᠢᠭᠡ ᠪᠦᠯᠦᠭ | ᠬᠡᠪᠴᠢᠶ᠎ᠡ ᠪᠠᠷ ᠲᠣᠬᠢᠷᠠᠮᠵᠢᠲᠠᠢ᠂ ᠴᠢᠳᠠᠮᠵᠢ ᠪᠦᠷᠢᠨ᠂ ᠣᠷᠴᠢᠨ ᠲᠣᠭᠤᠷᠢᠨ ᠭᠤᠶᠢᠳᠠ ᠰᠠᠶᠢᠬᠠᠨ᠂ ᠡᠷᠭᠢᠨ | ᠲᠣᠭᠤᠷᠢᠨ ᠤ ᠭᠠᠴᠠᠭ᠎ᠠ ᠶᠢᠨ ᠬᠥᠭᠵᠢᠯᠲᠡ ᠶᠢ ᠨᠦᠯᠤᠭᠡᠯᠡᠨ ᠲᠠᠠᠶᠢᠴᠢᠯᠠᠵᠥ ᠴᠢᠳᠠᠬᠤ ᠣᠨᠴᠠᠯᠢᠭᠲᠤ ᠵᠢᠵᠢᠭ | ᠪᠠᠯᠭᠠᠰᠤ ᠶᠢ ᠴᠢᠷᠮᠠᠶᠢᠨ ᠪᠠᠶᠢᠭᠤᠯᠤᠨ᠎ᠠ᠃ | ︵ᠭᠤᠷᠪᠠ︶ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ | ᠪᠠᠷᠢᠮᠲᠠᠯᠠᠨ᠂ ᠦᠷᠭᠦᠯᠵᠢᠳᠡ ᠶᠢᠨ ᠬᠥᠭᠵᠢᠯᠲᠡ ᠶᠢᠨ ᠴᠢᠳᠠᠪᠤᠷᠢ ᠶᠢ ᠴᠢᠷᠮᠠᠶᠢᠨ ᠳᠡᠭᠡᠭᠰᠢᠯᠡᠭᠦᠯᠦᠨ᠎ᠡ᠃ ᠪᠣᠬᠢᠷᠲᠤᠯ | ᠦᠭᠡᠢ ᠪᠣᠯ ᠦᠷᠭᠦᠯᠵᠢᠳᠡ ᠬᠥᠭᠵᠢᠬᠦ ᠳᠤ ᠱᠠᠭᠠᠷᠳᠠᠭᠳᠠᠬᠤ ᠴᠢᠬᠤᠯᠠ ᠨᠥᠬᠦᠴᠡᠯ ᠪᠠ ᠠᠷᠠᠳ ᠲᠦᠮᠡᠨ ᠤ ᠰᠠᠶᠢᠨ | ᠰᠠᠶᠢᠬᠠᠨ ᠠᠮᠢᠳᠤᠷᠠᠯ ᠤᠨ ᠬᠥᠭᠡᠭᠡᠴᠡᠯᠳᠦᠯ ᠤᠨ ᠴᠢᠬᠤᠯᠠ ᠲᠤᠰᠬᠠᠯ ᠮᠥᠨ᠃ ᠪᠢᠳᠠ ᠵᠠᠪᠠᠯ ︽ᠴᠡᠩᠭᠡᠭ ᠤᠰᠤ | ᠴᠡᠯᠡᠭᠡᠷ ᠠᠭᠤᠯᠠ ᠪᠣᠯ ᠬᠤᠵᠢᠮ ᠤᠨ ᠬᠥᠭᠵᠢᠯᠲᠡ ᠶᠢᠨ ᠴᠢᠬᠤᠯᠠ ᠲᠦᠰᠢᠭ ᠮᠥᠨ︾ ᠭᠡᠬᠦ ᠲᠠᠨᠢᠯᠲᠠ ᠶᠢ ᠪᠠᠲᠤ | ᠪᠠᠬᠢ ᠪᠤᠢ ᠪᠣᠯᠭᠠᠨ᠂ ᠠᠵᠤ ᠠᠬᠤᠢ ᠶᠢᠨ ᠬᠥᠭᠵᠢᠯᠲᠡ ᠪᠠ ᠠᠮᠢ ᠠᠬᠤᠢ ᠶᠢ ᠬᠠᠮᠠᠭᠠᠯᠠᠬᠤ ᠬᠠᠷᠢᠴᠠᠭ᠎ᠠ ᠶᠢ ᠵᠥᠪ | ᠣᠨᠣᠪᠴᠢᠲᠠᠢ ᠰᠢᠢᠳᠪᠦᠷᠢᠯᠡᠵᠦ᠂ ᠪᠣᠬᠢᠷᠲᠤᠯ ᠦᠭᠡᠢ ᠬᠥᠭᠵᠢᠯᠲᠡ ᠶᠢ ᠭᠤᠣᠯ ᠰᠢᠪᠲᠤᠯᠬᠤ ᠴᠢᠭᠯᠡᠯ ᠪᠣᠯᠭᠠᠬᠤ ᠶᠢ | ᠪᠠᠷᠢᠮᠲᠠᠯᠠᠨ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠴᠢᠨᠡᠭᠡᠯᠢᠭᠵᠢᠭᠰᠡᠨ᠂ ᠠᠮᠢ ᠠᠬᠤᠢ ᠪᠠᠶᠢᠭᠠᠯᠢᠯᠢᠭ | ᠦᠷᠭᠦᠯᠵᠢᠳᠡ ᠶᠢᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠎ᠠ᠃ ᠠᠮᠢ ᠠᠬᠤᠢ ᠶᠢᠨ ᠣᠷᠴᠢᠨ | ᠲᠣᠭᠤᠷᠢᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ | ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ ᠶᠢ ᠪᠠᠷᠢᠮᠲᠠᠯᠠᠨ᠂ ᠠᠯᠠᠱᠠ ᠵᠡᠭᠦᠨ ᠬᠤᠰᠢᠭᠤ ᠶᠢ ᠤᠯᠤᠰ ᠤᠨ | ᠭᠤᠣᠯᠳᠠᠯᠭᠠᠲᠤ ᠠᠮᠢ ᠠᠬᠤᠢ ᠶᠢᠨ ᠴᠢᠳᠠᠮᠵᠢ ᠶᠢᠨ ᠲᠣᠭᠤᠷᠢᠭ ᠲᠤ ᠣᠷᠣᠭᠤᠯᠬᠤ ᠪᠠᠷ ᠢᠳᠡᠪᠬᠢᠲᠡᠢ ᠴᠢᠷᠮᠠᠶᠢᠨ᠂ | ᠭᠤᠣᠯᠳᠠᠯᠭ᠎ᠠ ᠲᠠᠢ ᠪᠠᠷ ᠨᠡᠶᠢᠲᠡ ᠶᠢᠨ ᠠᠰᠠᠷᠠᠮᠵᠢ ᠶᠢᠨ ᠣᠢ᠂ ᠪᠠᠶᠢᠭᠠᠯᠢᠯᠢᠭ ᠨᠤᠲᠤᠭ ᠪᠡᠯᠴᠢᠭᠡᠷ ᠤᠨ ᠮᠠᠯᠵᠢᠬᠤ ᠶᠢ | ᠵᠣᠭᠰᠣᠭᠠᠨ ᠪᠡᠯᠴᠢᠭᠡᠷ ᠢ ᠰᠡᠷᠭᠦᠭᠡᠬᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ | ᠱᠠᠩᠨᠠᠯ ᠵᠡᠷᠭᠡ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠠᠮᠢ | ᠠᠬᠤᠢ ᠶᠢᠨ ᠣᠷᠴᠢᠨ ᠲᠣᠭᠤᠷᠢᠨ ᠬᠡᠰᠡᠭ ᠲᠠᠯ᠎ᠠ ᠪᠠᠷ ᠰᠠᠶᠢᠵᠢᠷᠠᠵᠤ ᠪᠠᠶᠢᠭᠰᠠᠨ ᠠᠴᠠ ᠪᠠᠨ ᠪᠦᠬᠦ ᠲᠠᠯ᠎ᠠ ᠪᠠᠷ | ᠬᠤᠪᠢᠷᠠᠭᠰᠠᠨ ᠦᠨᠳᠦᠰᠦᠨ ᠴᠢᠨᠠᠷᠲᠠᠢ ᠬᠤᠪᠢᠷᠠᠯᠲᠠ ᠶᠢ ᠪᠡᠶᠡᠯᠡᠭᠦᠯᠵᠦ᠂ ᠤᠮᠠᠷᠠᠲᠤ ᠬᠢᠯᠢ ᠶᠢᠨ ᠠᠮᠢ ᠠᠬᠤᠢ ᠶᠢᠨ | ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ᠃ ᠠᠵᠤ ᠦᠢᠯᠡᠳᠪᠦᠷᠢ ᠶᠢᠨ ᠬᠡᠯᠪᠡᠷᠢ ᠪᠠᠨ ᠥᠭᠡᠷᠡᠴᠢᠯᠡᠨ ᠳᠡᠰ | ᠳᠡᠪᠰᠢᠭᠦᠯᠬᠦ ᠶᠢ ᠶᠡᠭᠡ ᠬᠦᠴᠦᠨ ᠢᠶᠠᠷ ᠲᠦᠯᠬᠢᠨ ᠠᠬᠢᠭᠤᠯᠵᠤ᠂ ᠠᠵᠤ ᠦᠢᠯᠡᠳᠪᠦᠷᠢ ᠶᠢᠨ ᠲᠣᠭᠤᠷᠢᠭ ᠢ | ᠲᠥᠪᠯᠡᠷᠡᠭᠦᠯᠬᠦ᠂ ᠠᠵᠤ ᠦᠢᠯᠡᠰ ᠢ ᠳᠡᠰ ᠳᠡᠪᠰᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ ᠬᠢᠷᠢ ᠲᠡᠩᠴᠡᠬᠦ | ᠶᠡᠷᠦᠩᠬᠡᠢ ᠱᠠᠭᠠᠷᠳᠠᠯᠭ᠎ᠠ ᠶᠣᠰᠣᠭᠠᠷ ᠠᠵᠤ ᠦᠢᠯᠡᠳᠪᠦᠷᠢ ᠶᠢᠨ ᠲᠥᠷᠥᠯ ᠵᠦᠢᠯ ᠭᠤᠣᠯᠳᠠᠯᠭ᠎ᠠ ᠲᠠᠢ ᠣᠷᠣᠨ | ᠲᠣᠭᠤᠷᠢᠭ ᠤᠷᠤᠭᠤ ᠲᠥᠪᠯᠡᠷᠡᠬᠦ ᠶᠢ ᠲᠦᠯᠬᠢᠨ ᠠᠬᠢᠭᠤᠯᠵᠤ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠳᠠᠪᠤᠰᠤ | ᠱᠠᠤ ᠶᠢᠨ ᠬᠢᠮᠢ ᠶᠢᠨ ᠠᠵᠤ ᠦᠢᠯᠡᠳᠪᠦᠷᠢ᠂ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠠᠭᠤᠷᠬᠠᠢ ᠶᠢᠨ | ᠭᠠᠷᠤᠯᠲᠠ ᠶᠢ ᠰᠣᠩᠭᠤᠵᠤ ᠪᠣᠯᠪᠠᠰᠤᠷᠠᠭᠤᠯᠬᠤ ᠵᠡᠷᠭᠡ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠥᠭᠡᠷᠡᠴᠢᠯᠡᠨ | ᠳᠡᠰ ᠳᠡᠪᠰᠢᠭᠦᠯᠬᠦ ᠶᠢ ᠲᠦᠷᠭᠡᠳᠬᠡᠵᠦ᠂ ᠲᠣᠨᠣᠭᠯᠠᠯ ᠦᠢᠯᠡᠳᠪᠦᠷᠢᠯᠡᠬᠦ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ ᠤᠨ | ᠡᠮ ᠡᠮᠨᠡᠯᠭᠡ᠂ ᠡᠨᠧᠷᠭᠢ ᠠᠷᠪᠢᠯᠠᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠰᠢᠨ᠎ᠡ ᠪᠠᠷ ᠪᠤᠢ ᠪᠣᠯᠣᠭᠰᠠᠨ ᠠᠵᠤ | ᠦᠢᠯᠡᠰ ᠢ ᠢᠳᠡᠪᠬᠢᠲᠡᠢ ᠪᠠᠷ ᠬᠥᠭᠵᠢᠭᠦᠯᠵᠦ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠠᠬᠢᠯᠭᠠᠨ ᠵᠡᠷᠭᠡ ᠴᠡᠪᠡᠷ | ᠡᠨᠧᠷᠭᠢ ᠶᠢᠨ ᠠᠵᠤ ᠦᠢᠯᠡᠰ ᠢ ᠯᠠᠪᠳᠠᠭᠤᠨ ᠢᠶᠠᠷ ᠬᠥᠭᠵᠢᠭᠦᠯᠦᠨ᠎ᠡ᠃ ᠣᠳᠣᠬᠢᠴᠢᠯᠠᠭᠰᠠᠨ ᠲᠠᠷᠢᠶᠠᠯᠠᠩ ᠮᠠᠯ ᠠᠵᠤ | ᠠᠬᠤᠢ ᠶᠢ ᠯᠠᠪᠳᠠᠭᠤᠨ ᠢᠶᠠᠷ ᠬᠡᠷᠡᠭᠵᠢᠭᠦᠯᠵᠦ᠂ ᠲᠠᠷᠢᠶᠠᠨ ᠭᠠᠵᠠᠷ ᠤᠨ ᠬᠡᠪᠴᠢᠶ᠎ᠡ ᠶᠢ ᠴᠢᠩᠭ᠎ᠠ ᠬᠢᠵᠠᠭᠠᠷᠯᠠᠵᠤ᠂ | ᠤᠰᠤᠨ ᠤ ᠡᠬᠢ ᠪᠠᠶᠠᠯᠢᠭ ᠢ ᠬᠠᠮᠤᠭ ᠤᠨ ᠴᠢᠩᠭ᠎ᠠ ᠬᠠᠮᠢᠶᠠᠷᠤᠭᠰᠠᠨ ᠳᠦᠷᠢᠮ ᠢ ᠬᠡᠷᠡᠭᠵᠢᠭᠦᠯᠵᠦ᠂ ᠲᠠᠷᠢᠮᠠᠯ ᠤᠨ | ᠪᠦᠲᠦᠴᠡ ᠶᠢ ᠢᠳᠡᠪᠬᠢᠲᠡᠢ ᠲᠣᠬᠢᠷᠠᠭᠤᠯᠵᠤ ᠤᠰᠤ ᠠᠷᠪᠢᠯᠠᠭᠰᠠᠨ ᠪᠣᠬᠢᠷᠲᠤᠯ ᠦᠭᠡᠢ ᠰᠢᠯᠢᠳᠡᠭ ᠰᠣᠳᠣᠨ ᠳᠡᠭᠡᠳᠦ | ᠳᠡᠰ ᠤᠨ ᠲᠠᠷᠢᠶᠠᠯᠠᠩ ᠠᠵᠤ ᠠᠬᠤᠢ ᠶᠢ ᠶᠡᠭᠡ ᠪᠠᠷ ᠬᠥᠭᠵᠢᠭᠦᠯᠦᠨ᠎ᠡ᠃ ᠮᠠᠯᠵᠢᠬᠤ ᠶᠢ ᠵᠣᠭᠰᠣᠭᠠᠵᠤ ᠡᠭᠡᠯᠵᠢᠯᠡᠨ | ᠮᠠᠯᠵᠢᠬᠤ ᠪᠠ ᠮᠠᠯ ᠪᠡᠯᠴᠢᠭᠡᠷ ᠢ ᠲᠡᠩᠴᠡᠭᠦᠷᠢᠰᠢᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠢ ᠶᠢᠨ | ᠮᠠᠯ ᠠᠵᠤ ᠠᠬᠤᠢ ᠪᠠ ᠲᠠᠷᠢᠶᠠᠯᠠᠬᠤ ᠣᠷᠣᠨ ᠤ ᠮᠠᠯ ᠠᠵᠤ ᠠᠬᠤᠢ ᠶᠢ ᠯᠠᠪᠳᠠᠭᠤᠨ ᠢᠶᠠᠷ ᠬᠥᠭᠵᠢᠭᠦᠯᠵᠦ᠂ | ᠠᠯᠠᠱᠠ ᠶᠢᠨ ᠬᠤᠣᠰ ᠪᠥᠬᠦᠲᠦ ᠲᠡᠮᠡᠭᠡ᠂ ᠨᠣᠯᠤᠤᠷ ᠤᠨ ᠴᠠᠭᠠᠨ ᠢᠮᠠᠭ᠎ᠠ ᠵᠡᠷᠭᠡ ᠰᠢᠯᠢᠳᠡᠭ ᠡᠭᠦᠯᠳᠡᠷ ᠢ | ᠬᠠᠮᠠᠭᠠᠯᠠᠬᠤ ᠶᠢ ᠴᠢᠩᠭᠠᠳᠬᠠᠨ᠂ ᠬᠢᠯᠢ ᠬᠢᠵᠠᠭᠠᠷ ᠢ ᠰᠠᠬᠢᠭᠰᠠᠨ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠤᠨ | ᠨᠥᠬᠦᠴᠡᠯ ᠢ ᠶᠡᠬᠡᠪᠡᠷ ᠰᠠᠶᠢᠵᠢᠷᠠᠭᠤᠯᠤᠨ᠎ᠠ᠃ ᠣᠨᠴᠠᠯᠢᠭᠲᠤ ᠡᠯᠡᠰᠦᠨ ᠤ ᠤᠷᠭᠤᠮᠠᠯ ᠤᠨ ᠠᠵᠤ ᠦᠢᠯᠡᠰ ᠢ ᠶᠡᠭᠡ ᠪᠠᠷ | ᠬᠥᠭᠵᠢᠭᠦᠯᠵᠦ᠂ ᠡᠯᠡᠰᠦᠨ ᠤ ᠤᠷᠭᠤᠮᠠᠯ ᠤᠨ ᠠᠵᠤ ᠦᠢᠯᠡᠰ ᠤᠨ ᠰᠢᠨ᠎ᠡ ᠪᠦᠲᠦᠭᠡᠭᠳᠡᠬᠦᠨ᠂ ᠰᠢᠨ᠎ᠡ ᠮᠡᠷᠭᠡᠵᠢᠯ ᠤᠨ | ᠡᠭᠦᠳᠦᠯᠲᠡ ᠶᠢ ᠴᠢᠩᠭᠠᠳᠬᠠᠵᠤ᠂ ᠴᠠᠭᠠᠨ ᠭᠤᠶᠣᠣ᠂ ᠤᠯᠠᠭᠠᠨ ᠭᠤᠶᠣᠣ ᠶᠢᠨ ᠤᠯᠤᠰ ᠤᠨ ᠰᠢᠨ᠎ᠡ ᠢᠳᠡᠭᠡᠨ ᠤ | ᠲᠦᠭᠦᠬᠡᠢ ᠡᠳ᠋ ᠤᠨ ᠭᠡᠷᠡᠴᠢ ᠣᠯᠬᠤ ᠪᠠᠷ ᠴᠢᠷᠮᠠᠶᠢᠵᠤ᠂ ᠠᠯᠠᠱᠠ ᠶᠢ ᠤᠯᠤᠰ ᠤᠨ ᠴᠢᠬᠤᠯᠠ ᠡᠯᠡᠰᠦᠨ ᠤ ᠠᠵᠤ | ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃ ᠰᠣᠶᠣᠯ ᠵᠢᠭᠤᠯᠴᠢᠯᠠᠯ ᠤᠨ | ᠦᠢᠯᠡᠰ ᠢ ᠬᠥᠮᠥᠵᠢᠭᠦᠯᠦᠨ ᠪᠤᠵᠠᠭᠠᠶᠢᠷᠠᠭᠤᠯᠵᠤ᠂ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ | ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ᠂ ᠵᠢᠭᠤᠯᠴᠢᠯᠠᠯ ᠤᠨ ᠡᠬᠢ ᠪᠠᠶᠠᠯᠢᠭ ᠢ ᠨᠢᠭᠡᠳᠬᠡᠬᠦ | ᠡᠷᠴᠢᠮ ᠢ ᠴᠢᠩᠭᠠᠳᠬᠠᠵᠤ᠂ ᠰᠣᠶᠣᠯ ᠬᠢᠭᠡᠳ ᠵᠢᠭᠤᠯᠴᠢᠯᠠᠯ ᠤᠨ ᠠᠵᠤ ᠦᠢᠯᠡᠰ ᠤᠨ ᠨᠢᠭᠲᠠ ᠤᠶᠠᠯᠳᠤᠬᠤ ᠶᠢ | ᠲᠦᠯᠬᠢᠨ ᠠᠬᠢᠭᠤᠯᠵᠤ᠂ ᠴᠢᠬᠤᠯᠠ ᠶᠡᠭᠡ ᠪᠠᠶᠠᠷ ᠳᠤᠷᠠᠰᠬᠠᠯ ᠤᠨ ᠠᠵᠢᠯᠯᠠᠭᠠᠨ ᠢ ᠡᠷᠬᠢᠯᠡᠬᠦ ᠠᠷᠭ᠎ᠠ ᠮᠠᠶ᠋ᠢᠭ ᠢᠶᠠᠨ | ᠰᠢᠨᠡᠴᠢᠯᠡᠵᠦ᠂ ᠵᠢᠭᠤᠯᠴᠢᠯᠠᠯ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠭᠡᠳ | ᠵᠢᠭᠤᠯᠴᠢᠯᠠᠯ ᠤᠨ ᠦᠢᠯᠡᠴᠢᠯᠡᠭᠡᠨ ᠤ ᠢᠵᠢ ᠪᠦᠷᠢᠳᠤᠭᠦᠯᠦᠯᠲᠡ ᠶᠢ ᠴᠢᠩᠭᠠᠳᠬᠠᠨ᠎ᠠ᠃ ︽ᠬᠠᠨ ᠲᠡᠭᠷᠢ ᠶᠢᠨ | ᠠᠷᠢᠭᠤᠨ ᠣᠷᠣᠨ ᠠᠯᠠᠱᠠ︾ ᠵᠢᠭᠤᠯᠴᠢᠯᠠᠯ ᠤᠨ ᠲᠥᠷᠥᠯ ᠲᠡᠮᠳᠡᠭ ᠢ ᠪᠦᠬᠦ ᠬᠦᠴᠦᠨ ᠢᠶᠠᠷ ᠡᠭᠦᠳᠴᠦ᠂ ᠰᠣᠶᠣᠯ | ᠵᠢᠭᠤᠯᠴᠢᠯᠠᠯ ᠤᠨ ᠦᠢᠯᠡᠰ ᠢ ᠠᠵᠤ ᠠᠬᠤᠢ ᠶᠢᠨ ᠬᠥᠭᠵᠢᠯᠲᠡ ᠶᠢ ᠤᠷᠤᠭᠰᠢ ᠲᠠᠲᠠᠬᠤ ᠲᠤᠯᠭᠠᠭᠤᠷᠢᠯᠠᠬᠤ ᠠᠵᠤ | ᠦᠢᠯᠡᠰ ᠪᠣᠯᠭᠠᠨ ᠬᠥᠭᠵᠢᠭᠦᠯᠦᠨ᠎ᠡ᠃ ᠦᠵᠡᠮᠦᠷᠢ ᠶᠢᠨ ᠴᠢᠯᠠᠭᠤ᠂ ᠪᠣᠯᠣᠷ ᠬᠠᠰ ᠴᠢᠯᠠᠭᠤᠨ ᠤ ᠰᠣᠶᠣᠯ ᠤᠨ ᠠᠵᠤ | ᠦᠢᠯᠡᠰ ᠢ ᠶᠡᠭᠡ ᠪᠠᠷ ᠬᠥᠭᠵᠢᠭᠦᠯᠵᠦ᠂ ᠲᠦᠭᠦᠬᠡᠢ ᠡᠳ᠋ ᠢ ᠬᠤᠳᠠᠯᠳᠤᠨ ᠠᠪᠬᠤ᠂ ᠪᠦᠲᠦᠭᠡᠯᠴᠢ ᠵᠢᠷᠤᠭ ᠲᠥᠯᠥᠪᠯᠡᠭᠡ᠂ | ᠰᠡᠶᠢᠯᠵᠦ ᠪᠣᠯᠪᠠᠰᠤᠷᠠᠭᠤᠯᠬᠤ᠂ ᠪᠥᠭᠡᠮ ᠢᠶᠠᠷ ᠪᠣᠷᠣᠯᠠᠭᠤᠯᠵᠤ ᠵᠢᠵᠢᠭᠯᠡᠨ ᠬᠤᠳᠠᠯᠳᠤᠭᠠᠯᠠᠬᠤ᠂ ᠦᠵᠡᠰᠬᠦᠯᠡᠩ ᠪᠠ | ᠬᠤᠷᠢᠶᠠᠨ ᠬᠠᠳᠠᠭᠠᠯᠠᠬᠤ ᠶᠢ ᠨᠢᠭᠡᠳᠦᠭᠦᠯᠦᠭᠰᠡᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠨ᠂ ᠠᠯᠠᠱᠠ ᠶᠢ | ᠳᠡᠯᠡᠬᠡᠢ ᠶᠢᠨ ᠬᠠᠴᠢᠨ ᠴᠢᠯᠠᠭᠤᠨ ᠤ ᠬᠤᠷᠢᠶᠠᠵᠤ ᠲᠠᠷᠬᠠᠭᠠᠬᠤ ᠲᠥᠪ ᠪᠣᠯᠭᠠᠨ᠎ᠠ᠃ ᠶᠡᠭᠡ ᠡᠷᠡᠭᠦᠯ ᠡᠩᠬᠡ ᠶᠢᠨ ᠠᠵᠤ | ᠦᠢᠯᠡᠰ ᠢ ᠴᠢᠷᠮᠠᠶᠢᠨ ᠪᠣᠶᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠪᠠ ᠪᠣᠬᠢᠷᠲᠤᠯ | ᠦᠭᠡᠢ ᠢᠳᠡᠭᠡᠨ᠂ ᠡᠮ ᠡᠮᠨᠡᠯᠭᠡ ᠡᠷᠡᠭᠦᠯᠵᠢᠯ᠂ ᠰᠣᠶᠣᠯ ᠤᠨ ᠪᠦᠲᠦᠭᠡᠯᠴᠢ ᠰᠡᠳᠬᠢᠮᠵᠢ᠂ ᠡᠯᠡᠰᠦ ᠮᠠᠩᠬᠠᠨ ᠤ | ᠵᠢᠭᠤᠯᠴᠢᠯᠠᠯ ᠵᠡᠷᠭᠡ ᠠᠵᠤ ᠦᠢᠯᠡᠰ ᠤᠨ ᠬᠥᠭᠵᠢᠯᠲᠡ ᠲᠠᠢ ᠤᠶᠠᠯᠳᠤᠭᠤᠯᠵᠤ᠂ ᠡᠯᠡᠰᠦ ᠮᠠᠩᠬᠠᠨ ᠤ ᠡᠷᠡᠭᠦᠯ | ᠡᠩᠬᠡ ᠶᠢᠨ ᠢᠳᠡᠭᠡᠨ ᠢ ᠦᠢᠯᠡᠳᠪᠦᠷᠢᠯᠡᠬᠦ ᠪᠠ ᠣᠨᠴᠠᠯᠢᠭᠲᠤ ᠲᠤᠰᠬᠠᠢ ᠭᠠᠵᠠᠷ ᠤᠨ ᠡᠮ ᠤᠨ ᠮᠠᠲ᠋ᠧᠷᠢᠶᠠᠯ ᠢ | ᠦᠢᠯᠡᠳᠪᠦᠷᠢᠯᠡᠵᠦ ᠪᠣᠯᠪᠠᠰᠤᠷᠠᠭᠤᠯᠬᠤ ᠬᠤᠶᠠᠷ ᠰᠠᠭᠤᠷᠢᠨ ᠭᠠᠵᠠᠷ ᠢ ᠪᠠᠶᠢᠭᠤᠯᠵᠤ᠂ ᠳᠡᠯᠡᠬᠡᠢ ᠶᠢᠨ ᠡᠯᠡᠰᠦ ᠮᠠᠩᠬᠠᠨ ᠤ | ᠬᠥᠳᠡᠯᠭᠡᠭᠡᠨ ᠤ ᠡᠷᠡᠭᠦᠯ ᠡᠩᠬᠡ ᠶᠢᠨ ᠣᠶᠢᠯᠠᠭᠠᠯᠲᠠ ᠪᠠ ᠡᠯᠡᠰᠦ ᠮᠠᠩᠬᠠᠨ ᠤ ᠠᠮᠢ ᠠᠬᠤᠢ ᠶᠢᠨ ᠡᠷᠡᠭᠦᠯ ᠡᠩᠬᠡ ᠶᠢᠨ | ᠪᠦᠲᠦᠭᠡᠯᠴᠢ ᠰᠡᠳᠬᠢᠮᠵᠢ ᠶᠢᠨ ᠬᠤᠶᠠᠷ ᠲᠥᠪ ᠢ ᠴᠣᠭᠴᠠᠯᠠᠨ᠂ ᠲᠠᠷᠢᠶᠠᠯᠠᠩ ᠮᠠᠯ ᠠᠵᠤ ᠠᠬᠤᠢ᠂ ᠠᠷᠠᠯᠵᠢᠶ᠎ᠠ | ᠬᠤᠳᠠᠯᠳᠤᠭ᠎ᠠ᠂ ᠠᠮᠢᠳᠤ ᠪᠣᠳᠠᠰ ᠤᠨ ᠡᠮ ᠡᠮᠨᠡᠯᠭᠡ ᠬᠢᠭᠡᠳ ᠵᠢᠭᠤᠯᠴᠢᠯᠠᠯ᠂ ᠰᠡᠯᠡᠭᠦᠴᠡᠯ᠂ ᠡᠷᠡᠭᠦᠯᠵᠢᠯ ᠵᠡᠷᠭᠡ ᠶᠢ | ᠢᠵᠢ ᠪᠦᠷᠢᠳᠦᠭᠦᠯᠦᠭᠰᠡᠨ ᠶᠡᠭᠡ ᠡᠷᠡᠭᠦᠯ ᠡᠩᠬᠡ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ | ︵ᠳᠥᠷᠪᠡ︶ ᠴᠢᠯᠦᠭᠡᠲᠡᠢ ᠶᠠᠪᠤᠯᠴᠠᠬᠤ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ | ᠪᠠᠷᠢᠮᠲᠠᠯᠠᠨ᠂ ᠭᠠᠳᠠᠭᠰᠢ ᠴᠢᠯᠦᠭᠡᠲᠡᠢ ᠶᠠᠪᠤᠯᠴᠠᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠦᠨ᠎ᠡ᠃ ᠴᠢᠯᠦᠭᠡᠲᠡᠢ ᠶᠠᠪᠤᠯᠴᠠᠬᠤ ᠪᠣᠯ ᠬᠥᠭᠵᠢᠯᠲᠡ ᠪᠠᠭᠤᠷᠠᠢ ᠭᠠᠵᠠᠷ ᠣᠷᠣᠨ ᠤ ᠬᠥᠭᠵᠢᠯ | ᠴᠡᠴᠡᠭᠯᠡᠯᠲᠡ ᠶᠢ ᠪᠡᠶᠡᠯᠡᠭᠦᠯᠬᠦ ᠳᠤ ᠵᠠᠪᠠᠯ ᠶᠠᠪᠤᠬᠤ ᠵᠠᠮ ᠶᠤᠮ᠃ ᠪᠢᠳᠠ ᠵᠠᠪᠠᠯ ᠳᠡᠯᠡᠬᠡᠢ᠂ ᠤᠯᠤᠰ ᠤᠨ | ᠳᠣᠲᠣᠭᠠᠳᠤ ᠶᠢᠨ ᠠᠵᠤ ᠠᠬᠤᠢ ᠶᠢᠨ ᠲᠣᠭᠲᠠᠴᠠ ᠶᠢᠨ ᠰᠢᠨ᠎ᠡ ᠬᠥᠭᠵᠢᠯᠲᠡ ᠶᠢᠨ ᠬᠠᠨᠳᠤᠰᠢ ᠲᠠᠢ ᠵᠣᠬᠢᠴᠠᠵᠤ᠂ | ᠭᠠᠳᠠᠭᠰᠢ ᠳᠣᠲᠣᠭᠰᠢ ᠴᠢᠯᠦᠭᠡᠲᠡᠢ ᠶᠠᠪᠤᠯᠴᠠᠬᠤ ᠶᠢ ᠬᠠᠷᠢᠯᠴᠠᠨ ᠠᠬᠢᠭᠤᠯᠵᠤ᠂ ᠲᠠᠲᠠᠨ ᠣᠷᠣᠭᠤᠯᠬᠤ ᠪᠠ ᠭᠠᠳᠠᠭᠰᠢ | ᠶᠠᠪᠤᠬᠤ ᠶᠢ ᠨᠡᠩ ᠰᠠᠶᠢᠨ ᠤᠶᠠᠯᠳᠤᠭᠤᠯᠵᠤ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠶᠢᠨ | ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠪᠦᠬᠦ ᠲᠠᠯ᠎ᠠ ᠪᠠᠷ ᠨᠡᠶᠢᠯᠡᠵᠦ᠂ ᠨᠡᠭᠡᠭᠡᠯᠳᠡᠳᠤ ᠮᠠᠶ᠋ᠢᠭ ᠤᠨ ᠠᠵᠤ | ᠠᠬᠤᠢ ᠶᠢ ᠬᠦᠴᠦᠯᠡᠨ ᠪᠠᠶᠢᠭᠤᠯᠬᠤ ᠬᠡᠷᠡᠭᠲᠡᠢ᠃ ᠭᠠᠳᠠᠭᠰᠢ ᠴᠢᠯᠦᠭᠡᠲᠡᠢ ᠶᠠᠪᠤᠯᠴᠠᠬᠤ ᠪᠠ ᠨᠡᠭᠡᠭᠡᠯᠲᠡ ᠬᠢᠬᠦ ᠶᠢ | ᠥᠷᠭᠡᠳᠬᠡᠵᠦ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠶᠢᠨ ᠴᠢᠬᠤᠯᠠ ᠶᠡᠭᠡ | ᠠᠵᠠ ᠲᠣᠬᠢᠶᠠᠯ ᠢ ᠠᠳᠬᠤᠵᠤ᠂ ᠳᠤᠮᠳᠠᠳᠤ ᠮᠣᠩᠭᠤᠯ ᠤᠨ ᠥᠯᠵᠡᠢ — ᠴᠠᠭᠠᠨ ᠳᠡᠯ ᠠᠭᠤᠯᠠ ᠪᠣᠭᠤᠮᠲᠠ ᠶᠢ | ᠡᠷᠲᠡ ᠨᠢᠭᠡᠨ ᠡᠳᠦᠷ ᠨᠡᠭᠡᠭᠡᠬᠦ ᠪᠠᠷ ᠴᠢᠷᠮᠠᠶᠢᠵᠤ᠂ ᠪᠣᠭᠤᠮᠲᠠ ᠶᠢᠨ ᠰᠠᠭᠤᠷᠢ ᠲᠥᠬᠦᠭᠡᠷᠦᠮᠵᠢ᠂ ᠬᠢᠯᠢ ᠠᠯᠤᠰᠯᠠᠭᠰᠠᠨ | ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ ᠬᠢᠭᠡᠳ ᠣᠯᠠᠨᠪᠤᠯᠠᠭ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ | ᠡᠳ᠋ ᠪᠠᠷᠠᠭ᠎ᠠ ᠶᠢᠨ ᠭᠦᠢᠯᠭᠡᠭᠡᠨ ᠤ ᠲᠣᠭᠤᠷᠢᠭ ᠢ ᠥᠨᠳᠥᠷ ᠡᠬᠢᠯᠡᠯᠲᠡ ᠲᠠᠢ ᠲᠥᠯᠥᠪᠵᠢᠭᠦᠯᠵᠦ᠂ ᠮᠣᠩᠭᠤᠯ | ᠤᠯᠤᠰ ᠤᠨ ᠰᠠᠭᠤᠷᠢ ᠲᠥᠬᠦᠭᠡᠷᠦᠮᠵᠢ ᠲᠠᠢ ᠬᠠᠷᠢᠯᠴᠠᠨ ᠨᠡᠪᠲᠡᠷᠡᠯᠴᠡᠬᠦ ᠶᠢ ᠠᠬᠢᠭᠤᠯᠵᠤ᠂ ᠮᠣᠩᠭᠤᠯ ᠤᠯᠤᠰ ᠯᠤᠭ᠎ᠠ | ᠠᠭᠤᠷᠬᠠᠢ ᠶᠢᠨ ᠪᠤᠯᠠᠭᠳᠠᠴᠠ ᠶᠢᠨ ᠡᠬᠢ ᠪᠠᠶᠠᠯᠢᠭ ᠢ ᠬᠠᠶᠢᠨ ᠰᠢᠨᠵᠢᠯᠡᠬᠦ ᠬᠠᠮᠲᠤᠷᠠᠯᠴᠠᠭ᠎ᠠ ᠪᠠ ᠬᠥᠮᠥᠡᠯᠢᠭ ᠰᠣᠶᠣᠯ | ᠢᠷᠭᠡᠨᠰᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ ᠮᠣᠩᠭᠤᠯ ᠤᠯᠤᠰ ᠲᠠᠢ ᠴᠢᠯᠦᠭᠡᠲᠡᠢ ᠶᠠᠪᠤᠯᠴᠠᠵᠤ ᠨᠡᠭᠡᠭᠡᠯᠲᠡ | ᠬᠢᠬᠦ ᠰᠢᠨ᠎ᠡ ᠲᠠᠪᠴᠠᠩ ᠢ ᠪᠠᠶᠢᠭᠤᠯᠤᠨ᠎ᠠ᠃ ᠣᠷᠣᠨ ᠪᠦᠰᠡ ᠶᠢᠨ ᠬᠠᠮᠲᠤᠷᠠᠯᠴᠠᠭ᠎ᠠ ᠪᠠᠷ ᠬᠠᠮᠲᠤ ᠳᠠᠭᠠᠨ ᠠᠰᠢᠭ | ᠬᠦᠷᠲᠡᠬᠦ ᠶᠢ ᠭᠦᠨᠵᠡᠭᠡᠶᠢᠷᠡᠭᠦᠯᠵᠦ᠂ ᠨᠢᠩᠰᠢᠶᠠ᠂ ᠭᠠᠨᠰᠤ᠂ ᠦᠬᠠᠢ ᠵᠡᠷᠭᠡ ᠡᠷᠭᠢᠨ ᠲᠣᠭᠤᠷᠢᠨ ᠤ ᠭᠠᠵᠠᠷ ᠣᠷᠣᠨ | ᠲᠠᠢ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ | ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠪᠣᠷᠣᠯᠠᠭᠤᠯᠭ᠎ᠠ᠂ ᠴᠠᠬᠢᠯᠭᠠᠨ ᠬᠦᠴᠦ ᠶᠢ ᠭᠠᠳᠠᠭᠰᠢ | ᠬᠦᠷᠭᠡᠬᠦ ᠵᠠᠮ ᠱᠤᠭᠤᠮ᠂ ᠠᠵᠤ ᠦᠢᠯᠡᠰ ᠤᠨ ᠪᠦᠲᠦᠴᠡ ᠶᠢᠨ ᠬᠠᠷᠢᠯᠴᠠᠨ ᠨᠥᠬᠦᠪᠦᠷᠢᠯᠡᠬᠦ᠂ ᠵᠢᠭᠤᠯᠴᠢᠯᠠᠯ ᠤᠨ | ᠱᠤᠭᠤᠮ ᠢ ᠵᠤᠯᠭᠠᠭᠤᠯᠬᠤ ᠪᠠ ᠰᠠᠭᠤᠷᠢ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠵᠡᠷᠭᠡ | ᠲᠠᠯ᠎ᠠ ᠪᠠᠷ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠭᠰᠡᠨ᠂ ᠠᠰᠢᠭ | ᠲᠤᠰᠠ ᠶᠢ ᠬᠠᠮᠲᠤ ᠳᠠᠭᠠᠨ ᠡᠳ᠋ᠯᠡᠭᠰᠡᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠬᠠᠮᠲᠤᠷᠠᠯᠴᠠᠭᠠᠨ ᠤ ᠰᠢᠰᠲ᠋ᠧᠮ ᠢ | ᠴᠢᠷᠮᠠᠶᠢᠨ ᠪᠦᠲᠦᠭᠡᠨ ᠪᠠᠶᠢᠭᠤᠯᠤᠨ᠎ᠠ᠃ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠨ ᠣᠷᠣᠭᠤᠯᠬᠤ ᠡᠷᠴᠢᠮ ᠢᠶᠠᠨ | ᠴᠢᠩᠭᠠᠷᠠᠭᠤᠯᠵᠤ᠂ ᠪᠡᠭᠡᠵᠢᠩ᠂ ᠲᠢᠶᠠᠨᠵᠢᠨ᠂ ᠾᠧᠪᠧᠢ᠂ ᠪᠦᠸᠧᠬᠠᠢ ᠲᠠᠩᠭᠢᠰ ᠢ ᠲᠣᠭᠤᠷᠢᠭᠰᠠᠨ ᠣᠷᠣᠨ᠂ | ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠠᠵᠠᠷ ᠣᠷᠣᠨ ᠲᠠᠢ | ᠬᠥᠨᠳᠡᠯᠡᠨ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠮᠥᠩᠭᠦ ᠲᠠᠲᠠᠨ | ᠣᠷᠣᠭᠤᠯᠬᠤ ᠠᠷᠭ᠎ᠠ ᠮᠠᠶ᠋ᠢᠭ ᠢᠶᠠᠨ ᠰᠢᠨᠡᠴᠢᠯᠡᠵᠦ᠂ ᠬᠥᠭᠵᠢᠭᠰᠡᠨ ᠭᠠᠵᠠᠷ ᠣᠷᠣᠨ ᠤ ᠠᠵᠤ ᠦᠢᠯᠡᠰ ᠢᠶᠠᠨ | ᠰᠢᠯᠵᠢᠭᠦᠯᠬᠦ ᠶᠢ ᠢᠳᠡᠪᠬᠢᠲᠡᠢ ᠲᠣᠰᠣᠨ ᠠᠪᠴᠤ᠂ ᠨᠢᠭᠡ ᠪᠦᠯᠦᠭ ᠠᠵᠤ ᠦᠢᠯᠡᠰ ᠤᠨ ᠲᠥᠷᠥ ᠶᠢᠨ ᠪᠣᠳᠣᠯᠭ᠎ᠠ ᠲᠠᠢ | ᠨᠡᠶᠢᠴᠡᠭᠰᠡᠨ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ ᠬᠢᠭᠡᠳ ᠨᠡᠮᠡᠯᠲᠡ ᠥᠷᠲᠡᠭ ᠥᠨᠳᠥᠷ᠂ ᠠᠵᠤ | ᠦᠢᠯᠡᠰ ᠤᠨ ᠳᠠᠶᠢᠴᠢᠯᠠᠬᠤ ᠬᠦᠴᠦ ᠪᠠᠷ ᠴᠢᠩᠭ᠎ᠠ ᠲᠥᠷᠥᠯ ᠵᠦᠢᠯ ᠢ ᠲᠠᠲᠠᠨ ᠣᠷᠣᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠨᠥᠭᠡᠴᠡ ᠬᠦᠴᠦᠨ ᠢ ᠲᠠᠰᠤᠷᠠᠯᠲᠠ ᠦᠭᠡᠢ ᠴᠢᠩᠭᠠᠳᠬᠠᠨ᠎ᠠ᠃ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠥᠨᠳᠥᠷ ᠳᠡᠰ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ | ᠭᠤᠣᠯᠳᠠᠭ᠎ᠠ ᠲᠠᠢ ᠭᠠᠳᠠᠭᠰᠢ ᠭᠠᠷᠬᠤ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠡᠷᠭᠢᠨ | ᠲᠣᠭᠤᠷᠢᠨ ᠤ ᠬᠤᠲᠠ ᠲᠠᠢ ᠥᠨᠳᠥᠷ ᠬᠤᠷᠳᠤᠴᠠᠲᠤ ᠵᠠᠮ ᠢᠶᠠᠷ ᠨᠡᠪᠲᠡᠷᠡᠯᠴᠡᠬᠦ ᠶᠢ ᠪᠡᠶᠡᠯᠡᠭᠦᠯᠵᠦ᠂ ᠡᠷᠭᠢᠨ | ᠲᠣᠭᠤᠷᠢᠨ ᠤ ᠬᠤᠰᠢᠭᠤ ᠰᠢᠶᠠᠨ᠂ ᠪᠣᠭᠤᠮᠲᠠ᠂ ᠠᠵᠤ ᠦᠢᠯᠡᠳᠪᠦᠷᠢ ᠶᠢᠨ ᠬᠦᠷᠢᠶᠡᠯᠡᠩ ᠲᠠᠢ ᠨᠢᠭᠡᠳᠦᠭᠡᠷ ᠳᠡᠰ ᠤᠨ | ᠵᠠᠰᠠᠮᠠᠯ ᠵᠠᠮ ᠢᠶᠠᠷ ᠨᠡᠪᠲᠡᠷᠡᠯᠴᠡᠬᠦ ᠶᠢ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠵᠠᠮ ᠤᠨ ᠲᠣᠣᠷ ᠪᠠ | ᠵᠢᠭᠤᠯᠴᠢᠯᠠᠯ ᠤᠨ ᠲᠣᠣᠷ ᠢ ᠲᠡᠭᠦᠯᠳᠡᠷᠵᠢᠭᠦᠯᠦᠨ᠎ᠡ᠃ ᠠᠯᠠᠱᠠ ᠵᠡᠭᠦᠨ ᠬᠤᠰᠢᠭᠤᠨ ᠤ ᠠᠵᠢᠯ ᠤᠨ ᠬᠡᠷᠡᠭᠯᠡᠭᠡᠨ ᠤ | ᠨᠢᠰᠬᠡᠯ ᠤᠨ ᠲᠠᠯᠠᠪᠠᠢ ᠶᠢ ᠳᠡᠰ ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠪᠠᠶᠠᠨᠬᠤᠲᠠ ᠠᠴᠠ ᠢᠷᠭᠠᠢ ᠬᠦᠷᠬᠦ | ᠥᠨᠳᠥᠷ ᠬᠤᠷᠳᠤᠴᠠᠲᠤ ᠲᠡᠮᠦᠷ ᠵᠠᠮ ᠵᠡᠷᠭᠡ ᠴᠢᠬᠤᠯᠠ ᠶᠡᠭᠡ ᠢᠨᠵᠧᠨᠧᠷᠢᠩ ᠢ ᠡᠷᠲᠡ ᠨᠢᠭᠡᠨ ᠡᠳᠦᠷ ᠪᠠᠷᠢᠯᠭ᠎ᠠ | ᠡᠬᠢᠯᠡᠭᠦᠯᠬᠦ ᠪᠠᠷ ᠴᠢᠷᠮᠠᠶᠢᠨ᠎ᠠ᠃ ᠬᠤᠰᠢᠭᠤᠨ ᠤ ᠳᠣᠲᠣᠷᠠᠬᠢ ᠭᠤᠣᠯᠯᠠᠭᠴᠢ ᠴᠠᠬᠢᠯᠭᠠᠨ ᠬᠦᠴᠦᠨ ᠤ ᠲᠣᠣᠷ ᠢ ᠳᠡᠰ | ᠳᠡᠪᠰᠢᠭᠦᠯᠦᠨ ᠥᠭᠡᠷᠡᠴᠢᠯᠡᠬᠦ ᠶᠢ ᠲᠦᠷᠭᠡᠳᠬᠡᠵᠦ᠂ ᠴᠠᠬᠢᠯᠭᠠᠨ ᠬᠦᠴᠦ ᠶᠢ ᠭᠠᠳᠠᠭᠰᠢ ᠬᠦᠷᠭᠡᠬᠦ ᠵᠠᠮ ᠢ ᠪᠦᠬᠦ | ᠲᠠᠯ᠎ᠠ ᠪᠠᠷ ᠨᠡᠪᠲᠡᠷᠡᠭᠦᠯᠦᠨ᠎ᠡ᠃ ᠬᠦᠢᠪᠦᠷᠢ ᠶᠢᠨ ᠬᠥᠳᠡᠭᠡ ᠶᠢᠨ ᠦᠶᠡᠷ ᠤᠨ ᠤᠰᠤ ᠬᠠᠰᠢᠵᠤ ᠬᠠᠳᠠᠭᠠᠯᠠᠬᠤ | ᠢᠨᠵᠧᠨᠧᠷᠢᠩ ᠤᠨ ᠲᠥᠷᠥᠯ ᠵᠦᠢᠯ ᠢᠶᠠᠷ ᠲᠣᠭᠲᠠᠭᠠᠬᠤ ᠶᠢ ᠦᠷᠭᠦᠯᠵᠢᠯᠡᠨ ᠲᠡᠮᠡᠴᠡᠵᠦ᠂ ᠲᠠᠷᠢᠶᠠᠨ ᠭᠠᠵᠠᠷ᠂ ᠡᠪᠡᠰᠦ | ᠪᠡᠯᠴᠢᠭᠡᠷ ᠤᠨ ᠤᠰᠤᠨ ᠠᠰᠢᠭᠯᠠᠯᠲᠠ ᠶᠢᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ | ᠰᠢᠯᠵᠢᠮᠡᠯ ᠴᠢᠮᠡᠭᠡ ᠨᠡᠪᠲᠡᠷᠡᠭᠦᠯᠭᠡ ᠶᠢᠨ ᠬᠠᠮᠤᠷᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠰᠤᠷᠠᠭ ᠵᠠᠩᠭᠢ ᠴᠢᠮᠡᠭᠡ | ᠨᠡᠪᠲᠡᠷᠡᠭᠦᠯᠭᠡ ᠶᠢᠨ ᠳᠡᠰ ᠳᠡᠪᠰᠢᠭᠦᠯᠬᠦ ᠶᠢ ᠲᠦᠯᠬᠢᠨ ᠠᠬᠢᠭᠤᠯᠵᠤ᠂ ᠥᠨᠳᠥᠷ ᠬᠤᠷᠳᠤᠴᠠᠲᠤ᠂ ᠰᠢᠯᠵᠢᠮᠡᠯ᠂ ᠠᠮᠤᠷ | ᠲᠦᠪᠰᠢᠨ᠂ ᠥᠷᠭᠡᠨ ᠬᠡᠪᠴᠢᠶ᠎ᠡ ᠲᠠᠢ ᠰᠢᠨ᠎ᠡ ᠨᠢᠭᠡ ᠦᠶ᠎ᠡ ᠶᠢᠨ ᠰᠤᠷᠠᠭ ᠵᠠᠩᠭᠢ ᠶᠢᠨ ᠲᠥᠬᠦᠭᠡᠷᠦᠮᠵᠢ ᠶᠢ ᠪᠦᠲᠦᠭᠡᠨ | ᠪᠠᠶᠢᠭᠤᠯᠤᠨ᠎ᠠ᠃ | ︵ᠲᠠᠪᠤ︶ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠨ | ᠂ ᠠᠷᠠᠳ ᠤᠨ ᠠᠮᠢᠳᠤᠷᠠᠯ ᠢ ᠪᠠᠲᠤᠯᠠᠬᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠦᠨ᠎ᠡ᠃ ᠬᠠᠮᠲᠤ ᠪᠠᠷ | ᠡᠳ᠋ᠯᠡᠬᠦ ᠬᠥᠭᠵᠢᠯᠲᠡ ᠨᠢ ᠨᠡᠶᠢᠭᠡᠮ ᠤᠨ ᠡᠷᠬᠡ ᠲᠡᠭᠰᠢ ᠰᠢᠳᠤᠷᠭᠤ ᠶᠣᠰᠣ ᠶᠢ ᠬᠠᠷᠠᠭᠤᠯᠳᠠᠭ᠃ ᠪᠢᠳᠠ ᠵᠠᠪᠠᠯ | ᠬᠠᠮᠲᠤ ᠪᠠᠷ ᠡᠳ᠋ᠯᠡᠬᠦ ᠬᠥᠭᠵᠢᠯᠲᠡ ᠶᠢ ᠪᠠᠷᠢᠮᠲᠠᠯᠠᠨ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠵᠤ᠂ | ᠠᠷᠠᠳ ᠲᠦᠮᠡᠨ ᠤ ᠵᠣᠯ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠢᠨᠵᠧᠨᠧᠷᠢᠩ ᠢ ᠶᠡᠭᠡ ᠬᠦᠴᠦ ᠪᠠᠷ ᠬᠡᠷᠡᠭᠵᠢᠭᠦᠯᠵᠦ᠂ ︽ᠵᠢᠷᠭᠤᠭᠠᠨ ᠨᠠᠷᠢᠯᠢᠭ ᠂ ᠲᠠᠪᠤᠨ ᠨᠢᠭᠡ | ᠪᠦᠯᠦᠭ︾ ᠤᠨ ᠦᠨᠳᠦᠰᠦᠨ ᠪᠣᠳᠣᠯᠭ᠎ᠠ ᠶᠣᠰᠣᠭᠠᠷ ᠶᠠᠳᠠᠭᠤ ᠶᠢ ᠲᠡᠳᠬᠦᠬᠦ ᠰᠢᠪᠲᠤᠯᠤᠯᠲᠠ ᠶᠢᠨ ᠠᠵᠢᠯ ᠢ | ᠰᠠᠶᠢᠲᠤᠷ ᠬᠢᠵᠦ᠂ ︽ ᠵᠠᠰᠠᠭ ᠤᠨ ᠣᠷᠳᠣᠨ ᠪᠡᠯᠡ ᠣᠷᠣᠭᠤᠯᠵᠤ᠂ ᠠᠵᠢᠯ ᠲᠥᠷᠥᠯ ᠢᠶᠠᠷ ᠲᠡᠳᠬᠦᠵᠦ᠂ ᠪᠠᠩᠬᠢ | ᠵᠢᠭᠡᠯᠡᠭᠡ ᠥᠭᠴᠦ᠂ ᠣᠯᠠᠨ ᠲᠦᠮᠡᠨ ᠥᠪᠡᠷ ᠢᠶᠠᠨ ᠬᠤᠷᠠᠮᠳᠤᠭᠤᠯᠤᠨ᠂ ᠨᠡᠶᠢᠭᠡᠮ ᠢᠶᠠᠷ ᠢᠶᠠᠨ ᠬᠠᠪᠰᠤᠷᠬᠤ︾ ᠣᠯᠠᠨ | ᠡᠰᠢᠲᠦ ᠣᠷᠤᠭᠤᠯᠤᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ︽ᠭᠤᠷᠪᠠ ᠶᠢ ᠬᠥᠳᠡᠭᠡ ᠲᠣᠰᠬᠤᠨ ᠳᠤ | ᠬᠦᠷᠭᠡᠬᠦ᠂ ᠭᠤᠷᠪᠠ ᠶᠢ ᠡᠷᠦᠬᠡ ᠳᠤ ᠬᠦᠷᠭᠡᠬᠦ︾᠂ ᠮᠥᠩᠭᠦᠨ ᠭᠦᠢᠯᠭᠡᠭᠡ ᠪᠠᠷ ᠶᠠᠳᠠᠭᠤ ᠶᠢ ᠲᠡᠳᠬᠦᠬᠦ ᠵᠡᠷᠭᠡ ᠨᠠᠷᠢᠯᠢᠭ | ᠣᠨᠣᠪᠴᠢᠲᠠᠢ ᠶᠠᠳᠠᠭᠤ ᠶᠢ ᠲᠡᠳᠬᠦᠬᠦ ᠢᠨᠵᠧᠨᠧᠷᠢᠩ ᠢ ᠶᠡᠭᠡ ᠬᠦᠴᠦ ᠪᠠᠷ ᠬᠡᠷᠡᠭᠵᠢᠭᠦᠯᠵᠦ᠂ ᠲᠤᠰᠬᠠᠢ ᠲᠥᠷᠥᠯ | ᠵᠦᠢᠯ ᠢᠶᠠᠷ ᠶᠠᠳᠠᠭᠤ ᠶᠢ ᠲᠡᠳᠬᠦᠬᠦ᠂ ᠠᠵᠢᠯ ᠲᠥᠷᠥᠯ ᠢᠶᠠᠷ ᠶᠠᠳᠠᠭᠤ ᠶᠢ ᠲᠡᠳᠬᠦᠬᠦ᠂ ᠨᠡᠶᠢᠭᠡᠮ ᠢᠶᠠᠷ ᠢᠶᠠᠨ | ᠶᠠᠳᠠᠭᠤ ᠶᠢ ᠲᠡᠳᠬᠦᠬᠦ ︽ᠭᠤᠷᠪᠠ ᠶᠢ ᠨᠢᠭᠡ ᠴᠤᠭᠴᠠᠵᠢᠭᠤᠯᠤᠭᠰᠠᠨ︾ ᠶᠠᠳᠠᠭᠤ ᠶᠢ ᠲᠡᠳᠬᠦᠬᠦ ᠪᠠᠶᠢᠳᠠᠯ ᠢ ᠪᠦᠬᠦ | ᠲᠠᠯ᠎ᠠ ᠪᠠᠷ ᠪᠦᠷᠢᠯᠳᠦᠭᠦᠯᠵᠦ᠂ 2017 ᠣᠨ ᠪᠣᠯᠬᠤ ᠳᠤ ᠶᠠᠳᠠᠭᠤ ᠬᠤᠰᠢᠭᠤ ᠶᠢᠨ ᠮᠠᠯᠠᠭᠠᠢ ᠶᠢ ᠠᠪᠴᠤ ᠬᠠᠶᠠᠨ᠂ | ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠦᠴᠢᠷᠳᠡᠯᠲᠡᠢ ᠬᠥᠮᠥᠨ ᠠᠮᠠ ᠶᠢᠨ ᠪᠦᠬᠦᠨ ᠢᠶᠠᠷ ᠢᠶᠠᠨ | ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠶᠢ ᠪᠠᠲᠤᠯᠠᠨ᠎ᠠ᠃ ᠠᠳᠠᠯ ᠦᠢᠯᠡᠰ ᠪᠣᠰᠬᠠᠵᠤ ᠠᠵᠢᠯ ᠣᠯᠭᠤᠬᠤ | ᠢᠨᠵᠧᠨᠧᠷᠢᠩ ᠢ ᠬᠦᠴᠦᠲᠡᠢ ᠬᠡᠷᠡᠭᠵᠢᠭᠦᠯᠵᠦ᠂ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ | ᠬᠢᠭᠡᠳ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠠᠷᠭ᠎ᠠ | ᠵᠠᠮ ᠢᠶᠠᠷ ᠠᠵᠢᠯ ᠣᠯᠭᠤᠬᠤ ᠠᠵᠢᠯ ᠤᠨ ᠪᠠᠶᠢᠷᠢ ᠭᠠᠷᠭᠠᠵᠤ᠂ ᠠᠳᠠᠯ ᠦᠢᠯᠡᠰ ᠪᠣᠰᠬᠠᠬᠤ ᠪᠠᠷ ᠠᠵᠢᠯ ᠣᠯᠭᠤᠬᠤ ᠶᠢ | ᠳᠠᠶᠢᠴᠢᠯᠠᠬᠤ ᠶᠢ ᠲᠣᠪᠣᠶᠢᠯᠭᠠᠨ᠂ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠥᠪᠡᠷᠲᠡᠭᠡᠨ ᠠᠳᠠᠯ ᠦᠢᠯᠡᠰ | ᠪᠣᠰᠬᠠᠬᠤ᠂ ᠦᠨᠳᠦᠰᠦᠨ ᠱᠠᠲᠤᠨ ᠳᠤ ᠣᠴᠢᠵᠤ ᠠᠵᠢᠯ ᠣᠯᠬᠤ ᠶᠢ ᠵᠣᠷᠢᠭᠵᠢᠭᠤᠯᠤᠨ᠂ ᠮᠠᠯᠵᠢᠬᠤ ᠲᠠᠷᠢᠶᠠᠯᠠᠬᠤ | ᠣᠷᠣᠨ ᠤ ᠰᠢᠯᠵᠢᠬᠦ ᠴᠢᠬᠤᠯᠠᠲᠠᠢ ᠬᠥᠳᠡᠯᠮᠦᠷᠢ ᠬᠦᠴᠦᠨ ᠢ ᠬᠤᠲᠠ ᠪᠠᠯᠭᠠᠰᠤ ᠲᠡᠰᠢ᠂ ᠲᠠᠷᠢᠶᠠᠯᠠᠩ ᠤᠨ ᠪᠤᠰᠤ ᠠᠵᠢᠯ | ᠦᠢᠯᠡᠰ ᠥᠭᠡᠳᠡ ᠠᠵᠢᠯ ᠣᠯᠭᠤᠬᠤ ᠪᠤᠶᠤ ᠥᠪᠡᠷᠲᠡᠭᠡᠨ ᠦᠢᠯᠡᠰ ᠪᠣᠰᠬᠠᠨ ᠠᠵᠢᠯ ᠣᠯᠬᠤ ᠶᠢ ᠳᠠᠭᠠᠭᠤᠯᠤᠨ᠂ | ᠴᠡᠷᠢᠭ ᠠᠴᠠ ᠬᠠᠯᠠᠭᠳᠠᠭᠰᠠᠳ ᠲᠤ ᠠᠵᠢᠯ ᠣᠯᠭᠤᠬᠤ ᠵᠢᠯᠣᠭᠤᠳᠤᠯᠭ᠎ᠠ ᠪᠠ ᠦᠢᠯᠡᠴᠢᠯᠡᠭᠡ ᠬᠠᠩᠭᠠᠬᠤ ᠪᠠᠨ | ᠴᠢᠩᠭᠠᠳᠬᠠᠵᠤ᠂ ᠨᠡᠶᠢᠭᠡᠮ ᠨᠡᠶᠢᠲᠡ ᠪᠠᠷ ᠢᠶᠠᠨ ᠠᠳᠠᠯ ᠦᠢᠯᠡᠰ ᠪᠣᠰᠬᠠᠬᠤ᠂ ᠣᠯᠠᠨ ᠨᠡᠶᠢᠲᠡ ᠪᠠᠷ ᠢᠶᠠᠨ ᠰᠢᠨ᠎ᠡ ᠶᠢ | ᠡᠭᠦᠳᠬᠦ ᠶᠢ ᠵᠣᠷᠢᠭᠵᠢᠭᠤᠯᠤᠨ᠎ᠠ᠃ ᠰᠠᠭᠤᠭᠠᠯᠢ ᠠᠷᠠᠳ ᠤᠨ ᠣᠷᠣᠯᠭ᠎ᠠ ᠶᠢᠨ ᠬᠢᠷᠢ ᠲᠦᠪᠰᠢᠨ ᠢ ᠬᠦᠴᠦᠯᠡᠨ | ᠳᠡᠭᠡᠭᠰᠢᠯᠡᠭᠦᠯᠵᠦ᠂ ᠰᠢᠨᠵᠢᠯᠡᠬᠦ ᠤᠬᠠᠭᠠᠨᠴᠢ ᠴᠠᠯᠢᠩ ᠤᠨ ᠬᠡᠪ ᠤᠨ ᠥᠰᠦᠯᠲᠡ ᠶᠢᠨ ᠳᠦᠷᠢᠮ ᠪᠠ ᠣᠯᠭᠤᠬᠤ | ᠪᠠᠲᠤᠯᠠᠭᠠᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠴᠠᠯᠢᠩ ᠮᠥᠩᠭᠦ ᠶᠢ | ᠨᠡᠶᠢᠲᠡ ᠪᠠᠷ ᠢᠶᠠᠨ ᠵᠥᠪᠯᠡᠨ ᠲᠣᠭᠲᠠᠭᠠᠬᠤ ᠳᠦᠷᠢᠮ ᠢ ᠲᠦᠯᠬᠢᠨ ᠠᠬᠢᠭᠤᠯᠵᠤ᠂ ᠮᠠᠯᠴᠢᠨ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠢ ᠶᠢ | ᠡᠷᠭᠢᠯᠲᠡ ᠬᠢᠯᠭᠡᠬᠦ ᠪᠠ ᠤᠰᠤᠨ ᠤ ᠡᠷᠬᠡ ᠶᠢᠨ ᠰᠣᠯᠢᠯᠴᠠᠭᠠᠨ ᠤ ᠲᠠᠪᠴᠠᠩ ᠢ ᠰᠦᠪᠡᠭᠴᠢᠯᠡᠨ ᠪᠠᠶᠢᠭᠤᠯᠵᠤ᠂ ᠣᠢ | ᠰᠢᠭᠤᠢ ᠶᠢᠨ ᠡᠷᠬᠡ ᠬᠢᠭᠡᠳ ᠡᠪᠡᠰᠦ ᠪᠡᠯᠴᠢᠭᠡᠷ ᠢ ᠳᠠᠨᠵᠢᠯᠠᠵᠤ ᠵᠢᠭᠡᠯᠡᠯᠭᠡ ᠬᠢᠬᠦ ᠶᠢ ᠵᠣᠷᠢᠭᠵᠢᠭᠤᠯᠤᠨ ᠳᠡᠮᠵᠢᠵᠦ᠂ | ᠡᠵᠡᠩᠨᠡᠯᠲᠡ ᠶᠢᠨ ᠴᠢᠨᠠᠷᠲᠠᠢ᠂ ᠴᠠᠯᠢᠩ ᠤᠨ ᠴᠢᠨᠠᠷᠲᠠᠢ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢ | ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠵᠥᠷᠢᠶ᠎ᠡ ᠶᠢ ᠲᠠᠰᠤᠷᠠᠯᠲᠠ ᠦᠭᠡᠢ | ᠪᠠᠭᠠᠰᠬᠠᠨ᠎ᠠ᠃ ᠨᠡᠶᠢᠭᠡᠮ ᠤᠨ ᠪᠠᠲᠤᠯᠠᠭᠠᠨ ᠤ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠨᠡᠶᠢᠭᠡᠮ ᠤᠨ | ᠳᠠᠭᠠᠳᠬᠠᠯ ᠤᠨ ᠪᠠᠷᠢᠮᠵᠢᠶ᠎ᠠ ᠪᠠᠨ ᠳᠡᠭᠡᠭᠰᠢᠯᠡᠭᠦᠯᠵᠦ ᠬᠡᠪᠴᠢᠶ᠎ᠡ ᠪᠠᠨ ᠶᠡᠬᠡᠰᠬᠡᠬᠦ ᠠᠵᠢᠯ ᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠠᠮᠤᠭ ᠤᠨ ᠳᠣᠣᠷ᠎ᠠ ᠪᠠᠲᠤᠯᠠᠭᠠᠨ ᠤ ᠳᠦᠷᠢᠮ ᠢ ᠲᠡᠭᠦᠯᠳᠡᠷᠵᠢᠭᠦᠯᠦᠨ | ᠂ ᠬᠤᠲᠠ ᠪᠠᠯᠭᠠᠰᠤᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠵᠤ᠂ ᠬᠥᠳᠡᠭᠡ | ᠲᠣᠰᠬᠤᠨ ᠮᠠᠯᠵᠢᠬᠤ ᠣᠷᠣᠨ ᠤ ᠲᠠᠪᠤᠨ ᠪᠠᠲᠤᠯᠠᠭᠠᠲᠤ ᠡᠷᠦᠬᠡ᠂ ᠭᠤᠣᠨᠢ ᠵᠡᠮᠳᠡᠭᠴᠦᠳ ᠢ ᠲᠡᠳᠬᠦᠬᠦ ᠠᠵᠢᠯ ᠢ | ᠴᠢᠩᠭᠠᠳᠬᠠᠵᠤ᠂ ᠨᠡᠩ ᠡᠷᠬᠡ ᠲᠡᠭᠰᠢ᠂ ᠨᠡᠩ ᠨᠥᠭᠡᠴᠡ ᠲᠠᠢ ᠨᠡᠶᠢᠭᠡᠮ ᠤᠨ ᠪᠠᠲᠤᠯᠠᠭᠠᠨ ᠤ ᠳᠦᠷᠢᠮ ᠢ ᠪᠠᠶᠢᠭᠤᠯᠤᠨ᠎ᠠ | ᠃ ᠨᠡᠶᠢᠭᠡᠮ ᠤᠨ ᠦᠢᠯᠡᠰ ᠤᠨ ᠬᠥᠭᠵᠢᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠰᠤᠷᠭᠠᠨ ᠬᠥᠮᠥᠵᠢᠯ ᠤᠨ | ᠦᠢᠯᠡᠰ ᠲᠠᠬᠢ ᠪᠡᠯᠡ ᠣᠷᠤᠭᠤᠯᠤᠯᠲᠠ ᠶᠢᠨ ᠡᠷᠴᠢᠮ ᠢᠶᠠᠨ ᠴᠢᠩᠭᠠᠳᠬᠠᠵᠤ᠂ ᠪᠠᠭᠰᠢ ᠶᠢᠨ ᠡᠩᠨᠡᠭᠡᠨ ᠤ | ᠪᠠᠶᠢᠭᠤᠯᠤᠯᠲᠠ ᠶᠢ ᠴᠢᠩᠭᠠᠳᠬᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠠᠯᠪᠠᠨ ᠵᠢᠷᠤᠮ ᠤᠨ ᠰᠤᠷᠭᠠᠨ ᠬᠥᠮᠥᠵᠢᠯ ᠢ ᠲᠡᠩᠴᠡᠭᠦᠷᠢᠲᠠᠢ | ᠬᠥᠭᠵᠢᠭᠦᠯᠵᠦ᠂ ᠡᠩ ᠤᠨ ᠳᠡᠭᠡᠳᠦ ᠳᠤᠮᠳᠠᠳᠤ ᠶᠢᠨ ᠰᠤᠷᠭᠠᠨ ᠬᠥᠮᠥᠵᠢᠯ ᠤᠨ ᠣᠨᠴᠠᠯᠢᠭ ᠲᠠᠢ ᠬᠥᠭᠵᠢᠬᠦ ᠶᠢ | ᠲᠦᠯᠬᠢᠨ ᠠᠬᠢᠭᠤᠯᠵᠤ᠂ ᠦᠨᠳᠦᠰᠦᠲᠡᠨ ᠤ ᠰᠤᠷᠭᠠᠨ ᠬᠥᠮᠥᠵᠢᠯ ᠢ ᠵᠣᠬᠢᠰᠲᠠᠢ ᠪᠠᠷ ᠤᠷᠢᠳᠴᠢᠯᠠᠨ ᠬᠥᠭᠵᠢᠭᠦᠯᠵᠦ᠂ | ᠲᠤᠰᠬᠠᠢ ᠮᠡᠷᠭᠡᠵᠢᠯ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠳᠡᠮᠵᠢᠵᠦ᠂ ᠣᠨᠴᠠᠭᠠᠢ ᠰᠤᠷᠭᠠᠨ ᠬᠥᠮᠥᠵᠢᠯ ᠤᠨ | ᠬᠥᠭᠵᠢᠯᠲᠡ ᠶᠢ ᠬᠠᠯᠠᠮᠵᠢᠯᠠᠨ᠎ᠠ᠃ ᠭᠤᠷᠪᠠᠨ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠤᠷᠢᠳᠴᠢᠯᠠᠨ | ᠰᠡᠷᠭᠡᠶᠢᠯᠡᠬᠦ ᠪᠠ ᠡᠷᠡᠭᠦᠯᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠮᠣᠩᠭᠤᠯ ᠬᠢᠲᠠᠳ ᠡᠮ | ᠡᠮᠨᠡᠯᠭᠡ ᠶᠢᠨ ᠦᠢᠯᠡᠰ ᠢ ᠶᠡᠭᠡ ᠬᠦᠴᠦᠨ ᠢᠶᠠᠷ ᠬᠥᠭᠵᠢᠭᠦᠯᠵᠦ᠂ ᠡᠮᠨᠡᠯᠭᠡ ᠪᠠ ᠰᠤᠪᠢᠯᠠᠯᠲᠠ ᠶᠢ ᠤᠶᠠᠯᠳᠤᠭᠤᠯᠬᠤ | ᠲᠤᠷᠰᠢᠯᠲᠠ ᠶᠢᠨ ᠠᠵᠢᠯ ᠢ ᠥᠷᠨᠢᠭᠦᠯᠦᠨ᠎ᠡ᠃ ᠣᠳᠣᠬᠢᠴᠢᠯᠠᠭᠰᠠᠨ ᠣᠯᠠᠨ ᠨᠡᠶᠢᠲᠡ ᠶᠢᠨ ᠰᠣᠶᠣᠯ ᠤᠨ | ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠦᠨᠡᠨᠬᠦ ᠪᠠᠲᠤᠯᠠᠨ᠂ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ | ᠵᠠᠰᠠᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠭᠰᠠᠨ ᠵᠠᠰᠠᠭ ᠤᠨ ᠣᠷᠳᠣᠨ ᠤ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠣᠯᠠᠨ ᠳᠡᠰ ᠳᠠᠪᠬᠤᠷᠭ᠎ᠠ ᠣᠯᠠᠨ ᠬᠦᠷᠢᠶ᠎ᠡ ᠴᠠᠷ᠎ᠠ ᠶᠢᠨ ᠬᠠᠤᠯᠢ ᠪᠠᠷ ᠵᠠᠰᠠᠬᠤ | ᠠᠵᠢᠯ ᠢ ᠥᠷᠨᠢᠭᠦᠯᠵᠦ᠂ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ᠂ ᠦᠢᠯᠡᠳᠪᠦᠷᠢ | ᠬᠤᠳᠠᠯᠳᠤᠭ᠎ᠠ ᠶᠢᠨ ᠶᠠᠰᠤ ᠴᠢᠨᠠᠷ ᠢ ᠪᠠᠶᠢᠴᠠᠭᠠᠬᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠶᠤᠯᠭᠦᠢ | ᠦᠢᠯᠡᠳᠪᠦᠷᠢᠯᠡᠯ᠂ ᠰᠣᠶᠣᠯ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠲᠠ᠂ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠵᠡᠷᠭᠡ ᠬᠦᠷᠢᠶᠡᠨ ᠤ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠨ᠎ᠠ᠃ | ᠬᠠᠤᠯᠢ ᠴᠠᠭᠠᠵᠠ ᠶᠢᠨ ᠰᠢᠰᠲ᠋ᠧᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ ᠴᠠᠭᠠᠵᠠ ᠶᠢᠨ | ᠠᠵᠢᠯᠯᠠᠭ᠎ᠠ ᠶᠢ ᠳᠦᠷᠢᠮᠵᠢᠭᠦᠯᠵᠦ᠂ ᠬᠠᠤᠯᠢ ᠪᠠᠷ ᠵᠠᠰᠠᠬᠤ ᠲᠤᠬᠠᠢ ᠤᠬᠠᠭᠤᠯᠭ᠎ᠠ ᠬᠥᠮᠥᠵᠢᠯ ᠢ ᠴᠢᠩᠭᠠᠳᠬᠠᠨ᠎ᠠ᠃ | ᠨᠡᠶᠢᠭᠡᠮ ᠤᠨ ᠵᠠᠰᠠᠯᠲᠠ ᠶᠢ ᠰᠢᠨᠡᠴᠢᠯᠡᠬᠦ ᠶᠢ ᠴᠢᠩᠭᠠᠳᠬᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ | ᠲᠡᠭᠦᠯᠳᠡᠷᠵᠢᠭᠦᠯᠵᠦ᠂ ︽ ᠠᠮᠤᠭᠤᠯᠠᠩ ᠠᠯᠠᠱᠠ ᠵᠡᠭᠦᠨ ᠬᠤᠰᠢᠭᠤ ︾ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠭᠡᠨᠡᠳᠲᠡ ᠶᠢᠨ ᠬᠡᠷᠡᠭ ᠵᠡᠷᠭᠡ ᠪᠠᠴᠢᠮ ᠪᠠᠶᠢᠳᠠᠯ ᠢ ᠵᠡᠷᠭᠡ ᠶᠢ ᠠᠷᠭᠠᠴᠠᠬᠤ ᠬᠠᠮᠢᠶᠠᠷᠤᠯᠲᠠ ᠶᠢᠨ | ᠪᠠᠶᠢᠭᠤᠯᠤᠮᠵᠢ ᠶᠢ ᠲᠡᠭᠦᠯᠳᠡᠷᠵᠢᠭᠦᠯᠦᠨ᠎ᠡ᠃ ᠡᠯ᠎ᠡ ᠲᠥᠷᠥᠯ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠠᠭᠠᠷ ᠢ ᠰᠡᠷᠭᠦᠭᠡᠨ ᠠᠷᠠᠳ ᠢ ᠪᠠᠶᠠᠯᠢᠭᠵᠢᠭᠤᠯᠬᠤ ᠠᠵᠢᠯᠯᠠᠭ᠎ᠠ ᠶᠢ ᠬᠦᠴᠦᠲᠡᠢ | ᠲᠦᠯᠬᠢᠨ ᠠᠬᠢᠭᠤᠯᠵᠤ᠂ ᠤᠮᠠᠷᠠᠲᠤ ᠬᠢᠯᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠴᠣᠭᠴᠠᠯᠠᠨ᠎ᠠ᠃ | ᠭᠤᠷᠪᠠ ᠂ 2016 ᠣᠨ ᠤ ᠭᠤᠤᠯ ᠠᠵᠢᠯ ᠡᠭᠦᠷᠭᠡ | 2016 ᠣᠨ ᠪᠣᠯ ︽ᠠᠷᠪᠠᠨ ᠭᠤᠷᠪᠠᠳᠤᠭᠠᠷ ᠲᠠᠪᠣᠨ ᠵᠢᠯ 》 ᠤᠨ ᠲᠦᠯᠦᠪᠵᠢᠭᠦᠯᠭᠡ ᠶᠢ ᠬᠡᠷᠡᠭᠵᠢᠭᠦᠯᠬᠦ ᠪᠠ | ᠴᠢᠨᠡᠭᠡᠯᠢᠭ ᠨᠡᠶᠢᠭᠡᠮ ᠢ ᠪᠦᠭᠦ ᠲᠠᠯ᠎ᠠ ᠪᠠᠷ ᠪᠡᠶᠡᠯᠡᠭᠦᠯᠬᠦ ᠢᠯᠠᠯᠲᠠ ᠶᠢ ᠰᠢᠢᠳᠪᠦᠷᠢᠯᠡᠬᠦ ᠱᠠᠳᠤᠨ ᠤ ᠡᠬᠢᠯᠡᠯᠳᠡ ᠶᠢᠨ | ᠵᠢᠯ᠂ ᠮᠥᠨ ᠴᠦ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠰᠢᠪᠲᠤᠯᠤᠯᠲᠠ ᠶᠢᠨ ᠵᠢᠯ᠃ ᠪᠢᠳ᠋ᠨ | ᠲᠥᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠤ ᠠᠵᠣ ᠠᠬᠤᠢ ᠶᠢᠨ ᠠᠵᠢᠯ ᠤᠨ ᠬᠤᠷᠠᠯ ᠪᠠ ᠪᠥᠬᠦ ᠠᠶᠢᠮᠠᠭ | ᠣᠨᠭᠤᠣᠯᠳᠠᠯᠠᠭᠠ ᠲᠠᠢ ᠠᠵᠢᠯ ᠢ ᠪᠠᠶᠢᠷᠢᠯᠠᠭᠤᠯᠬᠤ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠦᠷᠢᠵᠢᠭᠤᠯᠵᠥ᠂ ᠲᠣᠭᠲᠠᠭᠤᠨ ᠤ ᠳᠣᠮᠳᠠ ᠣᠷᠣᠭᠰᠢᠯᠠᠬᠤ ᠠᠵᠢᠯ ᠤᠨ ᠥᠨᠳᠣᠰᠣᠨ | ᠤᠬᠠᠭᠳᠠᠬᠤᠨ ᠢ ᠪᠠᠷᠢᠮᠲᠠᠯᠠᠵᠤ᠂ ᠯᠠᠪᠳᠠᠭᠤᠨ ᠢᠶᠠᠷ ᠨᠡᠮᠡᠭᠳᠡᠬᠦᠯᠬᠦ᠂ ᠪᠥᠳᠥᠴᠡ ᠪᠠᠨ ᠲᠤᠬᠢᠷᠠᠭᠤᠯᠵᠤ᠂ | ᠥᠭᠡᠷᠡᠴᠢᠯᠡᠯᠳᠡ ᠶᠢ ᠠᠬᠢᠭᠤᠯᠬᠤ᠂ ᠠᠷᠠᠳ ᠲᠤ ᠠᠰᠢᠭ ᠬᠦᠷᠲᠡᠭᠡᠬᠦ ᠂ ᠲᠦᠭᠰᠢᠭᠦᠷᠢ ᠶᠢ ᠰᠡᠷᠭᠡᠶᠢᠯᠡᠬᠦ ᠪᠠᠷ | ᠬᠦᠴᠦᠯᠡᠨ᠂ ᠦᠢᠯᠡᠳᠪᠦᠷᠢᠯᠡᠯ ᠤᠨ ᠴᠢᠳᠠᠪᠤᠷᠢ᠂ ᠬᠦᠮᠦᠷᠭᠡ ᠶᠢᠨ ᠬᠠᠳᠠᠭᠠᠯᠠᠮᠵᠢ ᠪᠠ ᠬᠥᠰᠢᠭᠦᠷᠭᠡ ᠶᠢ ᠬᠡᠷᠡᠭᠯᠡᠵᠦ᠂ | ᠥᠪᠡᠷ ᠤᠨ ᠥᠷᠲᠡᠭ ᠢ ᠪᠠᠭᠤᠷᠠᠭᠤᠯᠵᠤ᠂ ᠳᠤᠲᠠᠮᠠᠭ ᠲᠠᠯ᠎ᠠ ᠪᠠᠨ ᠨᠥᠬᠦᠬᠦ ᠳᠡᠭᠡᠷ᠎ᠡ ᠭᠤᠣᠯ ᠬᠦᠴᠦ ᠪᠠᠨ ᠲᠠᠯᠪᠢᠵᠤ᠂ | ᠰᠢᠨ᠎ᠡ ᠬᠥᠭᠵᠢᠯᠲᠡ ᠶᠢᠨ ᠬᠥᠳᠡᠯᠭᠡᠬᠦ ᠬᠦᠴᠦᠨ ᠢ ᠪᠣᠶᠢᠵᠢᠭᠤᠯᠬᠤ ᠶᠢ ᠲᠦᠷᠭᠡᠳᠬᠡᠵᠦ᠂ ᠤᠯᠠᠮᠵᠢᠯᠠᠯᠲᠤ ᠳᠠᠪᠠᠭᠤᠯᠢᠭ | ᠲᠠᠯ᠎ᠠ ᠶᠢ ᠥᠭᠡᠷᠡᠴᠢᠯᠡᠨ ᠳᠡᠰ ᠳᠡᠪᠰᠢᠭᠦᠯᠦᠨ᠂ ᠦᠷᠭᠦᠯᠵᠢᠯᠡᠨ ᠬᠥᠭᠵᠢᠬᠦ ᠨᠡᠮᠡᠭᠳᠡᠯ ᠤᠨ ᠬᠥᠳᠡᠯᠭᠡᠬᠦ ᠬᠦᠴᠦᠨ ᠢ | ᠨᠡᠮᠡᠭᠳᠡᠭᠦᠯᠵᠦ᠂ ᠠᠵᠤ ᠠᠬᠤᠢ ᠶᠢᠨ ᠥᠷᠬᠦᠯᠵᠢᠯᠡᠨ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠩᠭᠤᠢ | ᠠᠮᠣᠷ ᠲᠤᠭᠳᠠᠭᠤᠨ ᠢ ᠠᠬᠢᠭᠤᠯᠵᠤ᠂ ︽ᠠᠷᠪᠠᠨ ᠭᠤᠷᠪᠠᠳᠤᠭᠠᠷ ᠲᠠᠪᠣᠨ ᠵᠢᠯ 》 ᠤᠨ ᠲᠦᠯᠦᠪᠵᠢᠭᠦᠯᠭᠡ ᠶᠢ | ᠠᠮᠵᠢᠯᠳᠠᠳᠠᠢ ᠬᠡᠷᠡᠭᠵᠢᠭᠦᠯᠬᠦ ᠳᠤ ᠰᠠᠶᠢᠨ ᠡᠬᠢᠯᠡᠯᠲᠡ ᠶᠢ ᠪᠤᠢ ᠪᠣᠯᠭᠠᠨ᠎ᠠ᠃ 2016 ᠣᠨ ᠤ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠳᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ | ᠶᠡᠷᠦᠩᠭᠡᠢ ᠦᠷᠳᠡᠭ ᠢ 8 % ᠪᠠᠷ ᠨᠡᠮᠡᠭᠳᠡᠭᠦᠯᠵᠥ᠂ 500 ᠲᠦᠮᠡᠨ ᠲᠥᠭᠦᠷᠢᠭ ᠠᠴᠠ ᠳᠡᠭᠡᠭᠰᠢᠬᠢ ᠲᠤᠭᠳᠠᠮᠠᠯ | ᠭᠦᠷᠦᠩᠭᠡ ᠶᠢᠨ ᠪᠡᠯᠡ ᠤᠷᠤᠭᠤᠯᠤᠯᠳᠠ ᠶᠢ 15 % ᠢᠶᠠᠷ ᠨᠡᠮᠡᠭᠳᠡᠭᠦᠯᠵᠥ᠂ ᠡᠩ ᠤᠨ ᠨᠡᠶᠢᠳᠠ ᠶᠢᠨ ᠡᠳ᠋ ᠤᠨ | ᠵᠠᠰᠠᠭ ᠤᠨ ᠲᠥᠰᠥᠪᠯᠡᠭᠰᠡᠨ ᠤᠷᠤᠯᠭ᠎ᠠ ᠶᠢ 8% ᠪᠠᠷ ᠨᠡᠮᠡᠭᠳᠡᠭᠦᠯᠥᠨ᠂ ᠬᠤᠳᠠ ᠪᠠᠯᠭᠠᠰᠤᠨ ᠤ ᠪᠠᠶᠢᠩᠭᠤ ᠶᠢᠨ | ᠰᠠᠭᠤᠭᠠᠯᠢ ᠠᠷᠠᠳ ᠪᠠ ᠮᠠᠯᠵᠢᠬᠤ ᠲᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠭᠦᠮᠥᠨ | ᠪᠦᠷᠢ ᠳᠤ ᠲᠡᠭᠰᠢᠳᠭᠡᠭᠰᠠᠨ ᠡᠵᠡᠮᠳᠠᠵᠥ ᠪᠤᠯᠬᠤ ᠤᠷᠤᠯᠭ᠎ᠠ ᠶᠢ ᠲᠣᠰ ᠪᠥᠷᠢ 9% ᠪᠠᠷ ᠨᠡᠮᠡᠭᠳᠡᠭᠦᠯᠥᠨ᠂ | ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠪᠤᠷᠤᠯᠠᠭᠤᠯᠬᠤ ᠶᠡᠷᠦᠩᠭᠡᠢ ᠲᠤᠭ᠎ᠠ ᠶᠢ 10% ᠪᠠᠷ ᠨᠡᠮᠡᠭᠳᠡᠭᠦᠯᠵᠥ᠂ | ᠡᠯ᠎ᠠ ᠲᠦᠷᠦᠯ ᠤᠨ ᠬᠢᠵᠠᠭᠠᠷᠯᠠᠬᠤ ᠴᠢᠨᠠᠷᠳᠠᠢ ᠬᠥᠢᠴᠡᠳᠬᠡᠯ ᠲᠤᠭ᠎ᠠ ᠶᠢ ᠲᠡᠭᠡᠳᠤ ᠱᠠᠳᠥᠨ ᠠᠴᠠ ᠱᠠᠭᠠᠷᠳᠠᠭᠰᠠᠨ | ᠬᠡᠮᠵᠢᠶᠠᠨ ᠳᠤ ᠬᠢᠵᠠᠭᠠᠷᠯᠠᠨ᠎ᠠ᠃ ᠲᠡᠭᠡᠷ᠎ᠡ ᠲᠤᠷᠠᠳᠤᠭᠰᠠᠨ ᠬᠠᠷᠠᠯᠳᠠ ᠶᠢᠨ ᠲᠣᠭᠤᠷᠢᠨ ᠳᠤ᠂ ᠲᠤᠤᠷᠠᠬᠢ ᠳᠣᠯᠣᠭᠠᠨ | ᠲᠠᠯ᠎ᠠ ᠶᠢᠨ ᠠᠵᠢᠯ ᠢ ᠭᠤᠶᠢᠪᠢᠰᠢ ᠦᠭᠡᠢ ᠰᠠᠶᠢᠳᠤᠷ ᠠᠳᠬᠤᠬᠤ ᠭᠡᠷᠡᠭᠳᠠᠢ᠃ | ︵ᠨᠢᠭᠡ︶ ᠪᠡᠯᠡ ᠣᠷᠤᠭᠤᠯᠤᠯᠲᠠ ᠪᠠᠨ ᠥᠷᠭᠡᠳᠬᠡᠬᠦ ᠶᠢ ᠭᠤᠶᠢᠪᠢᠰᠢ ᠦᠭᠡᠢ ᠠᠳᠬᠤᠵᠤ᠂ ᠠᠵᠤ ᠠᠬᠤᠢ ᠶᠢ | ᠬᠥᠭᠵᠢᠭᠦᠯᠬᠦ ᠬᠥᠳᠡᠯᠭᠡᠬᠦ ᠬᠦᠴᠦ ᠪᠠᠨ ᠤᠯᠠᠮ ᠨᠢᠭᠡ ᠠᠯᠬᠤᠮ ᠴᠢᠩᠭᠠᠳᠬᠠᠨ᠎ᠠ | ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ᠣᠷᠴᠢᠨ ᠢ ᠰᠠᠶᠢᠵᠢᠷᠠᠭᠤᠯᠵᠤ᠂ ᠠᠵᠤ ᠠᠬᠤᠢ | ᠶᠢᠨ ᠦᠷᠭᠦᠯᠵᠢᠯᠡᠨ ᠨᠡᠮᠡᠭᠳᠡᠬᠦ ᠶᠢ ᠤᠷᠤᠭᠰᠢ ᠲᠠᠲᠠᠬᠤ ᠭᠤᠣᠯ ᠬᠥᠳᠡᠯᠭᠡᠭᠴᠢ ᠬᠦᠴᠦᠨ ᠮᠥᠨ᠃ ᠪᠢᠳ᠋ᠨ ᠵᠠᠪᠠᠯ | ᠪᠦᠲᠦᠮᠵᠢᠲᠡᠢ ᠪᠡᠯᠡ ᠣᠷᠤᠭᠤᠯᠤᠯᠲᠠ ᠶᠢ ᠥᠷᠭᠡᠳᠬᠡᠬᠦ ᠶᠢ ᠯᠠᠪᠳᠠᠭᠤᠨ ᠢᠶᠠᠷ ᠨᠡᠮᠡᠭᠳᠡᠭᠦᠯᠦᠨ᠂ ᠳᠤᠲᠠᠮᠠᠭ ᠲᠠᠯ᠎ᠠ | ᠪᠠᠨ ᠨᠥᠬᠦᠵᠦ᠂ ᠨᠥᠭᠡᠴᠡ ᠬᠦᠴᠦᠨ ᠢᠶᠠᠨ ᠴᠢᠩᠭᠠᠷᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠥᠷᠥᠯ | ᠵᠦᠢᠯ ᠤᠨ ᠪᠡᠯᠡ ᠣᠷᠣᠭᠤᠯᠬᠤ ᠶᠡᠷᠦᠩᠬᠡᠢ ᠬᠡᠮᠵᠢᠶ᠎ᠡ᠂ ᠰᠢᠨᠵᠢᠯᠡᠭᠡ ᠮᠡᠷᠭᠡᠵᠢᠯ ᠤᠨ ᠠᠭᠤᠯᠤᠭᠳᠠᠴᠠ᠂ ᠠᠵᠤ ᠠᠬᠤᠢ | ᠶᠢᠨ ᠦᠷ᠎ᠡ ᠠᠰᠢᠭ ᠲᠡᠭᠡᠷ᠎ᠡ ᠰᠢᠨ᠎ᠡ ᠳᠡᠭᠡᠭᠰᠢᠯᠡᠯᠲᠡ ᠲᠠᠢ ᠪᠣᠯᠬᠤ ᠪᠠᠷ ᠴᠢᠷᠮᠠᠶᠢᠬᠤ ᠬᠡᠷᠡᠭᠲᠡᠢ᠃ ᠨᠢᠭᠡ ᠳᠤ᠂ ᠪᠡᠯᠡ | ᠣᠷᠣᠭᠤᠯᠬᠤ ᠪᠦᠳᠤᠴᠡ ᠪᠠᠨ ᠰᠢᠯᠢᠳᠡᠭᠵᠢᠭᠦᠯᠦᠨ᠎ᠡ᠃ ᠨᠢᠭᠡ ᠪᠦᠯᠦᠭ ᠪᠦᠬᠦ ᠬᠤᠰᠢᠭᠤᠨ ᠤ ᠣᠳᠣᠬᠢ ᠪᠠ ᠠᠯᠤᠰ | ᠬᠤᠯᠠ ᠶᠢᠨ ᠬᠥᠭᠵᠢᠯᠲᠡ ᠲᠠᠢ ᠬᠤᠯᠪᠣᠭᠳᠠᠬᠤ ᠭᠤᠣᠯᠳᠠᠯᠭ᠎ᠠ ᠲᠠᠢ ᠲᠥᠷᠥᠯ ᠵᠦᠢᠯ᠂ ᠴᠢᠬᠤᠯᠠ ᠶᠡᠭᠡ ᠢᠨᠵᠧᠨᠧᠷᠢᠩ | ᠢ ᠢᠳᠡᠪᠬᠢᠲᠡᠢ ᠰᠦᠪᠡᠭᠴᠢᠯᠡᠵᠦ᠂ ᠳᠡᠭᠡᠳᠦ ᠱᠠᠲᠤᠨ ᠲᠠᠢ ᠬᠠᠷᠢᠯᠴᠠᠬᠤ ᠪᠠᠨ ᠴᠢᠩᠭᠠᠳᠬᠠᠨ᠂ ᠨᠡᠩ ᠣᠯᠠᠨ | ᠲᠥᠷᠥᠯ ᠵᠣᠶᠢᠯ ᠢ ᠣᠯᠣᠰ ᠪᠠ ᠥᠪᠡᠷᠳᠡᠭᠡᠨ ᠵᠠᠰᠠᠬᠤ ᠣᠷᠣᠨ ᠤ︽ᠠᠷᠪᠠᠨ ᠭᠤᠷᠪᠠᠳᠤᠭᠠᠷ ᠲᠠᠪᠣᠨ ᠵᠢᠯ ︾ ᠤᠨ | ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠨᠢᠭᠡ ᠪᠥᠯᠥᠭ ᠢ ᠪᠡᠯᠡᠳᠬᠡᠵᠣ᠂ ᠨᠢᠭᠡ ᠪᠥᠯᠥᠭ ᠢ | ᠴᠢᠷᠮᠠᠶᠢᠨ ᠣᠯᠵᠣ᠂ ᠨᠢᠭᠡ ᠪᠥᠯᠥᠭ ᠢ ᠭᠡᠷᠡᠭᠵᠢᠭᠦᠯᠭᠦ ᠶᠢ ᠥᠨᠡᠨᠬᠦ ᠪᠡᠶᠡᠯᠡᠭᠦᠯᠥᠨ᠎ᠠ᠃ ᠪᠡᠯᠡ ᠣᠷᠣᠭᠤᠯᠬᠤ | ᠠᠷᠭ᠎ᠠ ᠬᠡᠯᠪᠡᠷᠢ ᠪᠠᠨ ᠰᠢᠨᠡᠴᠢᠯᠡᠵᠦ᠂ ᠵᠠᠰᠠᠭ ᠤᠨ ᠣᠷᠳᠣᠨ ᠤ ᠪᠡᠯᠡ ᠤᠷᠦᠭᠤᠯᠤᠯᠳᠠ ᠶᠢᠨ ︽ ᠲᠥᠷᠪᠡᠨ ᠯᠠᠩ | ᠢᠶᠠᠷ ᠲᠥᠮᠡᠨ ᠵᠢᠩ ᠢ ᠡᠷᠭᠦᠬᠦ︾ᠬᠥᠰᠢᠭᠦᠷᠭᠡ ᠶᠢᠨ ᠣᠶᠢᠯᠡᠳᠣᠯ ᠢ ᠭᠥᠢᠴᠡᠳ ᠪᠠᠳᠠᠷᠠᠭᠤᠯᠵᠣ᠂ ᠠᠷᠠᠳ ᠤᠨ | ᠳᠤᠮᠳᠠᠬᠢ ᠪᠡᠯᠡ ᠣᠷᠣᠭᠤᠯᠣᠯᠳᠠ ᠶᠢᠨ ᠳᠠᠯᠳᠠ ᠬᠥᠴᠣᠨ ᠢ ᠣᠯᠠᠮ ᠨᠢᠭᠡ ᠠᠯᠬᠤᠮ ᠠᠮᠢᠯᠠᠭᠤᠯᠵᠣ᠂ ᠠᠷᠠᠳ ᠤᠨ | ᠳᠤᠮᠳᠠᠬᠢ ᠤᠨ ᠬᠥᠷᠥᠩᠭᠡ ᠶᠢ ᠵᠢᠭᠤᠯᠴᠢᠯᠠᠯ ᠤᠨ ᠨᠡᠭᠡᠭᠡᠯᠳᠡ᠂ ᠰᠠᠭᠤᠷᠢ ᠲᠥᠬᠦᠷᠥᠮᠵᠢ ᠶᠢᠨ ᠪᠥᠲᠥᠭᠡᠨ | ᠪᠠᠶᠢᠭᠤᠯᠣᠯᠳᠠ᠂ ᠣᠯᠠᠨ ᠨᠡᠶᠢᠳᠡ ᠶᠢᠨ ᠣᠶᠢᠯᠡᠴᠢᠯᠡᠭᠡ ᠵᠡᠷᠭᠡ ᠭᠥᠷᠢᠶᠡᠨ ᠳᠤ ᠵᠢᠯᠤᠭᠤᠳᠤᠨ ᠤᠷᠤᠭᠤᠯᠵᠥ᠂ | ᠠᠷᠠᠳ ᠤᠨ ᠳᠣᠮᠳᠠᠬᠢ ᠪᠡᠯᠡ ᠮᠥᠩᠭᠦ ᠪᠠᠷ ᠵᠠᠰᠠᠭ ᠤᠨ ᠣᠷᠳᠣᠨ ᠤ ᠪᠡᠯᠡ ᠣᠷᠣᠭᠤᠯᠣᠯᠳᠠ ᠳᠤ ︽ᠭᠥᠴᠣ | ᠵᠠᠯᠭᠠᠭᠤᠯᠵᠤ 》︽ ᠪᠡᠯᠡ ᠣᠷᠣᠭᠤᠯᠣᠯᠳᠠ ᠶᠢ ᠥᠷᠭᠡᠳᠭᠡᠭᠦ᠂ ᠯᠠᠪᠳᠠᠭᠤᠨ ᠢᠶᠠᠷ ᠨᠡᠮᠡᠭᠳᠡᠭᠦᠯᠬᠦ 》ᠭᠤᠣᠯ | ᠭᠥᠴᠥᠨ ᠪᠣᠯᠭᠠᠨ᠎ᠡ᠃ ᠬᠤᠶᠠᠷ ᠲᠤ᠂ ᠲᠦᠷᠦᠯ ᠵᠦᠢᠯ ᠤᠨ ᠪᠠᠶᠢᠭᠤᠯᠤᠯᠳᠠ ᠶᠢ ᠬᠦᠴᠦᠳᠠᠢ ᠠᠳᠬᠤᠨ᠎ᠠ᠃ 70 | ᠭᠤᠤᠯᠳᠠᠯᠠᠭᠠᠳᠤ ᠲᠦᠷᠦᠯ ᠵᠦᠢᠯ ᠤᠨ ᠪᠠᠶᠢᠭᠤᠯᠤᠯᠳᠠ ᠶᠢ ᠭᠤᠤᠯᠳᠠᠯᠠᠭ᠎ᠠ ᠲᠠᠢ ᠠᠳᠬᠤᠵᠤ᠂ ᠵᠢᠯ ᠤᠨ ᠲᠤᠭᠳᠠᠮᠠᠯ | ᠭᠦᠷᠦᠩᠭᠡ ᠶᠢᠨ ᠪᠡᠯᠡ ᠤᠷᠤᠭᠤᠯᠤᠯᠳᠠ ᠶᠢᠨ ᠡᠭᠦᠷᠭᠡ ᠪᠠᠨ ᠬᠦᠢᠴᠡᠳᠭᠡᠬᠦ ᠶᠢ ᠦᠨᠡᠨᠬᠦ ᠪᠠᠳᠤᠯᠠᠨ᠎ᠠ᠃ | ᠴᠠᠬᠢᠯᠭᠠᠨ ᠬᠥᠴᠥᠨ ᠤ ᠲᠠᠯ᠎ᠠ ᠪᠠᠷ᠂ ᠠᠯᠠᠱᠠ ᠶᠢᠨ ᠬᠤᠶᠠᠳᠤᠭᠠᠷ ᠴᠠᠬᠢᠯᠭᠠᠨ ᠰᠤᠷᠪᠤᠯᠵᠢ ᠶᠢᠨ 500 | ᠺᠢᠯᠤᠸᠤᠯᠲ ᠤᠨ ᠭᠦᠴᠦᠳᠠᠯ ᠦᠭᠡᠷᠡᠴᠢᠯᠡᠵᠥ ᠴᠠᠬᠢᠯᠭᠠᠨ ᠬᠥᠷᠭᠡᠬᠦ᠂ ᠬᠤᠯᠠᠳᠠᠬᠢᠨ ᠢ ᠲᠤᠭᠳᠠᠭᠠᠭᠴᠢ ᠬᠤᠷᠢᠶᠠᠨ ᠤ | 220 ᠺᠢᠯᠤᠸᠤᠯᠲ ᠨᠡᠭᠡᠭᠡᠯᠭᠡ ᠶᠢᠨ ᠥᠷᠲᠡᠭᠡ ᠶᠢᠨ ᠬᠦᠴᠦᠳᠡᠯ ᠢ ᠳᠡᠭᠡᠭᠰᠢᠯᠡᠭᠦᠯᠬᠦ ᠢᠨᠵᠧᠨᠧᠷᠢᠩ᠂ ᠰᠤᠬᠠᠨᠳᠤ | ᠶᠢᠨ 220 ᠺᠢᠯᠤᠸᠤᠯᠲ ᠭᠦᠴᠦᠳᠠᠯ ᠦᠭᠡᠷᠡᠴᠢᠯᠡᠵᠥ ᠴᠠᠬᠢᠯᠭᠠᠨ ᠬᠥᠷᠭᠡᠬᠦ᠂ ᠥᠯᠵᠠᠢ ᠶᠢᠨ110 ᠺᠢᠯᠤᠸᠤᠯᠲ | ᠶᠢᠨ ᠴᠠᠬᠢᠯᠭᠠᠨ ᠭᠦᠴᠦᠳᠠᠯ ᠦᠭᠡᠷᠡᠴᠢᠯᠡᠭᠦ᠂ ᠡᠷᠦᠬᠡ ᠳᠤ ᠬᠡᠷᠡᠭᠯᠡᠬᠦ ᠰᠠᠯᠬᠢ ᠭᠡᠷᠡᠯ ᠤᠨ ᠰᠢᠰᠲ᠋ᠧᠮ ᠤᠨ ᠳᠡᠰ | ᠳᠡᠪᠰᠢᠭᠦᠯᠬᠦ᠂ ᠲᠠᠷᠢᠶᠠᠯᠠᠩ ᠤᠨ ᠴᠠᠬᠢᠯᠭᠠᠨ ᠲᠣᠣᠷ ᠢ ᠥᠭᠡᠷᠡᠴᠢᠯᠡᠨ ᠲᠡᠰ ᠲᠡᠪᠰᠢᠭᠦᠯᠭᠦ ᠵᠡᠷᠭᠡ ᠲᠥᠷᠥᠯ ᠵᠣᠶᠢᠯ ᠢ | ᠰᠠᠶᠢᠳᠣᠷ ᠠᠳᠬᠤᠨ᠎ᠠ᠃ ᠣᠰᠣᠨ ᠠᠰᠢᠭᠯᠠᠯᠯᠳᠠ ᠶᠢᠨ ᠲᠠᠯ᠎ᠠ ᠪᠠᠷ ᠮᠠᠯᠵᠢᠬᠤ ᠲᠠᠷᠢᠶᠠᠯᠠᠬᠤ ᠣᠷᠣᠨ ᠤ ᠠᠮᠤᠷ | ᠲᠦᠪᠰᠢᠨ ᠤᠤᠭᠤᠬᠤ ᠤᠰᠤ᠂ ᠪᠠᠭ᠎ᠠ ᠬᠡᠯᠪᠡᠷᠢ ᠶᠢᠨ ᠲᠠᠷᠢᠶᠠᠯᠠᠩ ᠤᠨ ᠤᠰᠤᠨ ᠠᠰᠢᠭᠯᠠᠯᠲᠠ ᠶᠢᠨ ᠭᠤᠣᠯᠳᠠᠯᠭ᠎ᠠ | ᠲᠠᠢ ᠰᠢᠶᠠᠨ ᠤ ᠤᠰᠤ ᠠᠷᠪᠢᠯᠠᠬᠤ᠂ ᠠᠶᠤᠯᠲᠠᠢ ᠤᠰᠤᠨ ᠴᠦᠭᠦᠷᠤᠮ ᠢ ᠪᠠᠬᠢᠵᠢᠬᠦᠯᠬᠦ ᠵᠡᠷᠭᠡ ᠲᠥᠷᠥᠯ ᠵᠦᠢᠯ ᠢ | ᠰᠠᠶᠢᠳᠣᠷ ᠠᠳᠬᠤᠨ᠎ᠠ᠃ ᠵᠠᠮ ᠬᠠᠷᠢᠯᠴᠠᠭᠠᠨ ᠤ ᠲᠠᠯ᠎ᠠ ᠪᠠᠷ ᠪᠡᠭᠡᠵᠢᠩ ᠠᠴᠠ ᠰᠢᠨᠵᠢᠶᠠᠩ ᠭᠦᠷᠭᠦ ᠲᠥᠷᠬᠡᠨ | ᠵᠠᠮ ᠤᠨ ᠠᠯᠠᠱᠠ ᠵᠡᠭᠦᠨ ᠬᠤᠰᠢᠭᠤᠨ ᠤ ᠭᠡᠰᠡᠭ ᠂ ᠪᠠᠶᠠᠨᠨᠢᠷᠤᠭᠤᠨ ᠠᠴᠠ ᠮᠥᠩᠭᠦᠨ ᠬᠦᠷᠬᠦ ᠨᠢᠭᠡᠳᠤᠭᠡᠷ ᠲᠡᠰ ᠤᠨ | ᠵᠠᠰᠠᠮᠠᠯ ᠵᠠᠮ᠂ ᠲᠣᠯᠢ ᠠᠴᠠ ᠲᠡᠷᠡᠰᠤᠨ ᠬᠦᠷᠬᠦ ᠨᠢᠭᠡᠳᠤᠭᠡᠷ ᠲᠡᠰ ᠤᠨ ᠵᠠᠰᠠᠮᠠᠯ ᠵᠠᠮ᠂ ᠭᠠᠨ ᠲᠠᠩ ᠠᠴᠠ ᠡᠦ ᠸᠧᠢ | ᠶᠢᠨ ᠡᠮᠦᠨ᠎ᠡ ᠬᠦᠷᠬᠦ ᠲᠡᠮᠦᠷ ᠵᠠᠮ ᠤᠨ ᠤᠨᠳᠤᠷᠤᠯᠳᠤ ᠶᠢᠨ ᠬᠡᠰᠡᠭ ᠤᠨ ᠪᠠᠶᠢᠭᠤᠯᠤᠯᠳᠠ ᠶᠢ ᠦᠷᠭᠦᠯᠵᠢᠯᠡᠨ | ᠬᠠᠮᠵᠢᠯᠴᠠᠨ ᠰᠠᠶᠢᠳᠣᠷ ᠬᠢᠵᠣ ᠂ ᠲᠣᠩᠭᠠᠯᠠᠭ ᠨᠠᠭᠤᠷ ᠠᠴᠠ ᠡᠷᠬᠡᠬᠠᠰᠢᠬ᠎ᠠ ᠭᠦᠷᠭᠦ ᠡᠯᠡᠰᠦ ᠨᠡᠪᠲᠡᠯᠦᠭᠰᠡᠨ | ᠵᠠᠰᠠᠮᠠᠯ ᠵᠠᠮ᠂ ᠥᠬᠠᠢ ᠪᠠᠶᠠᠨᠬᠤᠳᠠ ᠵᠠᠮ ᠠᠴᠠ ᠪᠤᠭᠤᠲᠤ ᠬᠦᠷᠬᠦ ᠵᠠᠰᠠᠮᠠᠯ ᠵᠠᠮ ᠵᠡᠷᠭᠡ ᠢᠨᠵᠧᠨᠧᠷᠢᠩ ᠢ ᠰᠠᠶᠢᠲᠤᠷ | ᠠᠳᠬᠤᠨ᠎ᠠ᠃ ᠭᠤᠷᠪᠠ ᠳᠤ᠂ ᠠᠷᠠᠯᠵᠢᠶᠠᠴᠢᠨ ᠤᠷᠢᠵᠥ ᠪᠡᠯᠠ ᠤᠷᠤᠭᠤᠯᠬᠤ ᠠᠵᠢᠯ ᠢ ᠴᠢᠩᠭᠠᠳᠬᠠᠨ᠎ᠠ᠃ | ᠠᠷᠠᠯᠵᠢᠶᠠᠴᠢᠨ ᠤᠷᠢᠵᠥ ᠪᠡᠯᠠ ᠤᠷᠤᠭᠤᠯᠬᠤ ᠠᠵᠢᠯ ᠤᠨ ᠬᠠᠨᠳᠤᠯᠭᠠᠲᠤ ᠴᠢᠨᠠᠷ ᠪᠠ ᠪᠦᠲᠦᠮᠵᠢᠲᠤ ᠴᠢᠨᠠᠷ ᠢ | ᠳᠡᠭᠡᠭᠰᠢᠯᠡᠭᠦᠯᠵᠦ᠂ ᠠᠵᠣ ᠣᠶᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ᠂ ᠣᠨᠴᠠᠯᠢᠭᠲᠤ ᠠᠵᠤ | ᠦᠢᠯᠡᠰ ᠤᠨ ᠬᠦᠴᠦᠷᠬᠡᠭᠵᠢᠬᠦ᠂ ᠳᠠᠪᠠᠭᠤᠯᠢᠭ ᠡᠬᠢ ᠰᠤᠷᠪᠤᠯᠵᠢ ᠶᠢᠨ ᠨᠡᠭᠡᠭᠡᠯᠲᠡ᠂ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢ ᠨᠢᠭᠲᠠ ᠲᠣᠭᠤᠷᠢᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠤ ᠲᠤᠤᠷᠠᠳᠤ | ᠬᠡᠰᠡᠭ ᠲᠤ ᠠᠷᠠᠯᠵᠢᠶᠠᠴᠢᠨ ᠢ ᠤᠷᠢᠬᠤ᠂ ᠠᠳᠠᠯᠢ ᠲᠥᠷᠥᠯ ᠤᠨ ᠠᠵᠤ ᠠᠬᠤᠶᠢᠯᠠᠯ ᠲᠥᠪᠯᠡᠷᠡᠩᠭᠦᠢ ᠪᠠᠷ | ᠠᠷᠠᠯᠵᠢᠶᠠᠴᠢᠨ ᠤᠷᠢᠬᠤ ᠂ ᠲᠣᠯᠣᠭᠠᠶᠢᠯᠠᠭᠴᠢ ᠠᠵᠤ ᠠᠬᠤᠶᠢᠯᠠᠯ ᠳᠠᠶᠢᠴᠢᠯᠠᠨ ᠤᠷᠢᠬᠤ᠂ ᠦᠢᠯᠡᠳᠪᠦᠷᠢᠯᠡᠯ ᠤᠨ | ᠴᠢᠨᠠᠷᠲᠠᠢ ᠦᠢᠯᠡᠴᠢᠯᠡᠭᠡᠨ ᠤ ᠦᠢᠯᠡᠰ ᠲᠤ ᠢᠵᠢ ᠪᠦᠷᠢᠯᠳᠤᠭᠦᠯᠦᠨ ᠤᠷᠢᠬᠤ ᠵᠡᠷᠭᠡ ᠬᠡᠯᠪᠡᠷᠢ ᠪᠠᠷ᠂ ᠲᠣᠳᠣᠷᠬᠠᠢ | ᠵᠣᠷᠢᠯᠭ᠎ᠠ ᠲᠠᠢ ᠪᠠᠷ ᠠᠷᠠᠯᠵᠢᠶᠠᠴᠢᠨ ᠤᠷᠢᠵᠥ ᠪᠡᠯᠠ ᠤᠷᠤᠭᠤᠯᠬᠤ ᠠᠵᠢᠯ ᠢ ᠥᠷᠨᠢᠭᠦᠯᠵᠦ᠂ ᠳᠠᠪᠤᠰᠤ ᠨᠡᠭᠦᠷᠡᠰᠤ | ᠬᠢᠮᠢ ᠶᠢᠨ ᠠᠵᠤ ᠥᠢᠯᠡᠳᠪᠥᠷᠢ᠂ ᠲᠤᠨᠤᠭᠯᠠᠯ ᠥᠢᠯᠡᠳᠬᠦ᠂ ᠴᠡᠪᠡᠷ ᠡᠨᠧᠷᠬᠢ᠂ ᠲᠠᠷᠢᠶᠠᠯᠠᠩ ᠤᠨ ᠪᠦᠲᠦᠭᠡᠭᠳᠡᠭᠦᠨ | ᠮᠠᠯ ᠤᠨ ᠠᠰᠢᠭ ᠰᠢᠮ᠎ᠡ ᠶᠢ ᠭᠦᠨᠵᠡᠭᠡᠢ ᠪᠤᠯᠪᠠᠰᠤᠷᠠᠭᠤᠯᠬᠤ ᠵᠡᠷᠭᠡ ᠴᠢᠬᠤᠯᠠ ᠶᠡᠭᠡ ᠲᠥᠷᠥᠯ ᠵᠦᠢᠯ ᠢ ᠭᠤᠣᠯᠳᠠᠯᠭ᠎ᠠ | ᠲᠠᠢ ᠲᠠᠲᠠᠨ ᠤᠷᠤᠭᠤᠯᠵᠤ᠂ ᠨᠢᠭᠡ ᠪᠦᠯᠦᠭ ᠢ ᠭᠡᠷ᠎ᠡ ᠲᠣᠭᠲᠠᠭᠠᠵᠤ᠂ ᠨᠢᠭᠡ ᠪᠦᠯᠦᠭ ᠢ ᠠᠵᠢᠯ ᠡᠬᠢᠯᠡᠭᠦᠯᠬᠦ ᠪᠠᠷ | ᠴᠢᠷᠮᠠᠶᠢᠨ᠎ᠠ᠃ | ︵ᠬᠤᠶᠠᠷ︶ ᠬᠡᠯᠪᠡᠷᠢ ᠶᠢ ᠥᠭᠡᠷᠡᠴᠢᠯᠡᠨ ᠳᠡᠰ ᠳᠡᠪᠰᠢᠭᠦᠯᠬᠦ ᠶᠢ ᠭᠤᠶᠢᠪᠢᠰᠢ ᠦᠭᠡᠢ ᠠᠳᠬᠤᠵᠤ᠂ ᠠᠵᠤ ᠠᠬᠤᠢ | ᠶᠢᠨ ᠬᠥᠭᠵᠢᠯᠲᠡ ᠶᠢᠨ ᠪᠣᠳᠠᠲᠤ ᠬᠦᠴᠦᠨ ᠢ ᠤᠯᠠᠮ ᠨᠢᠭᠡ ᠠᠯᠬᠤᠮ ᠴᠢᠩᠭᠠᠳᠬᠠᠨ᠎ᠠ | ᠬᠡᠯᠪᠡᠷᠢ ᠶᠢ ᠥᠭᠡᠷᠡᠴᠢᠯᠡᠨ ᠳᠡᠰ ᠳᠡᠪᠰᠢᠭᠦᠯᠬᠦ ᠪᠣᠯ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠲᠦᠷᠭᠡᠳᠬᠡᠨ | ᠬᠤᠪᠢᠷᠠᠭᠤᠯᠬᠤ᠂ ᠭᠤᠷᠪᠠᠳᠤᠭᠠᠷ ᠠᠵᠤ ᠦᠢᠯᠡᠰ ᠤᠨ ᠦᠷᠭᠦᠯᠵᠢᠯᠡᠨ ᠬᠥᠭᠵᠢᠬᠦ ᠶᠢ ᠪᠦᠬᠦ ᠲᠠᠯ᠎ᠠ ᠪᠠᠷ | ᠳᠡᠭᠡᠭᠰᠢᠯᠡᠭᠦᠯᠬᠦ ᠴᠢᠬᠤᠯᠠ ᠠᠷᠭ᠎ᠠ ᠪᠠᠷᠢᠯ ᠮᠥᠨ᠃ ᠪᠢᠳ᠋ᠨ ᠵᠠᠪᠠᠯ ᠠᠵᠤ ᠦᠢᠯᠡᠰ ᠤᠨ ᠬᠡᠯᠪᠡᠷᠢ ᠶᠢ ᠥᠭᠡᠷᠡᠴᠢᠯᠡᠨ | ᠳᠡᠰ ᠳᠡᠪᠰᠢᠭᠦᠯᠬᠦ ᠰᠢᠪᠲᠤᠯᠤᠯᠲᠠ ᠶᠢ ᠰᠠᠶᠢᠲᠤᠷ ᠬᠢᠵᠦ᠂ ᠬᠠᠳᠠᠭᠠᠯᠠᠮᠵᠢ ᠶᠢ ᠲᠣᠬᠢᠷᠠᠭᠤᠯᠤᠨ᠂ ᠨᠡᠮᠡᠭᠳᠡᠯ ᠢ | ᠰᠢᠯᠢᠳᠡᠭᠵᠢᠭᠦᠯᠵᠦ᠂ ᠴᠢᠨᠠᠷ ᠴᠢᠨᠰᠠᠭ᠎ᠠ ᠤᠯᠠᠮ ᠥᠨᠳᠥᠷ᠂ ᠦᠷ᠎ᠡ ᠠᠰᠢᠭ ᠤᠯᠠᠮ ᠰᠠᠶᠢᠨ᠂ ᠪᠦᠲᠦᠴᠡ ᠤᠯᠠᠮ | ᠰᠢᠯᠢᠳᠡᠭ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠬᠡᠷᠡᠭᠲᠡᠢ᠃ ᠨᠢᠭᠡ ᠳᠤ᠂ ᠮᠠᠯᠵᠢᠯ ᠲᠠᠷᠢᠶᠠᠯᠠᠩ ᠤᠨ | ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠦᠨ᠎ᠡ᠃ ᠭᠠᠵᠠᠷ ᠲᠤᠤᠷᠠᠬᠢ ᠤᠰᠤ ᠶᠢ ᠬᠡᠷᠡᠭᠯᠡᠬᠦ ᠪᠠ | ᠨᠥᠭᠦᠪᠥᠷᠢᠯᠡᠬᠦ ᠶᠢ ᠲᠡᠩᠴᠡᠬᠦᠷᠢᠳᠠᠢ ᠪᠠᠶᠢᠯᠭᠠᠬᠤ ᠲᠥᠯᠥᠪᠵᠢᠭᠦᠯᠭᠡ ᠪᠠ ᠲᠥᠬᠦᠷ ᠲᠥᠷᠥ ᠶᠢᠨ ᠪᠤᠳᠤᠯᠭ᠎ᠠ ᠶᠢ | ᠱᠠᠯᠠᠪᠳᠠᠨ ᠲᠣᠭᠲᠠᠭᠠᠵᠤ᠂ ᠭᠠᠵᠠᠷ ᠰᠢᠷᠣᠢ ᠶᠢ ᠡᠮᠬᠢᠳᠬᠡᠬᠦ ᠬᠦᠴᠦᠯᠡᠴᠡ ᠪᠠᠨ ᠶᠡᠬᠡᠰᠬᠡᠵᠦ᠂ ᠲᠠᠷᠢᠶᠠᠯᠠᠩ ᠤᠨ | ᠤᠰᠤᠨ ᠠᠰᠢᠭᠯᠠᠯᠲᠠ ᠪᠠ ᠮᠠᠰᠢᠨ ᠢᠶᠠᠷ ᠲᠠᠷᠢᠶᠠᠯᠠᠬᠤ ᠲᠥᠬᠦᠷ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠲᠠᠷᠢᠶᠠᠯᠠᠩ ᠤᠨ ᠰᠢᠨᠵᠢᠯᠡᠭᠡ ᠮᠡᠷᠭᠡᠵᠢᠯ ᠤᠨ ᠰᠢᠨᠡᠴᠢᠯᠡᠯᠲᠡ ᠪᠠ ᠴᠢᠬᠤᠯᠠ ᠶᠡᠭᠡ ᠮᠡᠷᠭᠡᠵᠢᠯ ᠤᠨ | ᠳᠡᠯᠭᠡᠷᠡᠭᠦᠯᠦᠯᠳᠡ ᠶᠢ ᠴᠢᠩᠭᠠᠳᠬᠠᠨ᠂ ᠥᠨᠳᠥᠷ ᠪᠠᠷᠢᠮᠵᠢᠶ᠎ᠠ ᠲᠠᠢ ᠦᠨᠳᠦᠰᠦᠨ ᠲᠠᠷᠢᠶᠠᠨ ᠭᠠᠵᠠᠷ ᠤᠨ ᠪᠠᠶᠢᠭᠤᠯᠤᠯᠲᠠ | ᠶᠢ ᠲᠦᠷᠭᠡᠳᠬᠡᠨ᠎ᠡ᠃ ᠤᠰᠤᠨ ᠤ ᠬᠡᠮᠵᠢᠶ᠎ᠡ ᠪᠠᠷ ᠲᠠᠷᠢᠶᠠᠯᠠᠬᠤ ᠭᠠᠵᠠᠷ ᠢᠶᠠᠨ ᠲᠣᠭᠲᠠᠭᠠᠵᠤ᠂ ᠤᠰᠤᠨ ᠤ ᠰᠤᠷᠪᠤᠯᠵᠢ | ᠪᠠᠷ ᠲᠠᠷᠢᠮᠠᠯ ᠢᠶᠠᠨ ᠲᠣᠭᠲᠠᠭᠠᠬᠤ ᠱᠠᠭᠠᠷᠳᠠᠯᠭ᠎ᠠ ᠪᠠᠷ᠂ ᠲᠠᠷᠢᠮᠠᠯ ᠤᠨ ᠪᠦᠲᠦᠴᠡ ᠪᠠᠨ ᠢᠳᠡᠪᠬᠢᠲᠡᠢ ᠲᠣᠬᠢᠷᠠᠭᠤᠯᠵᠤ᠂ | ᠤᠷᠭᠠᠨᠢᠭ ᠲᠠᠷᠢᠶᠠᠯᠠᠩ᠂ ᠰᠣᠳᠣᠨ ᠣᠢ ᠰᠢᠭᠤᠢ ᠶᠢᠨ ᠵᠢᠮᠢᠰ ᠤᠨ ᠦᠢᠯᠡᠰ ᠢ ᠶᠡᠭᠡ ᠪᠠᠷ ᠬᠥᠭᠵᠢᠭᠦᠯᠦᠨ᠎ᠡ᠃ | ᠮᠠᠯᠵᠢᠬᠤ ᠲᠠᠷᠢᠶᠠᠯᠠᠬᠤ ᠣᠷᠣᠨ ᠤ ᠨᠤᠲᠤᠭ ᠪᠡᠯᠴᠢᠭᠡᠷ ᠤᠨ ᠭᠠᠵᠠᠷ ᠰᠢᠷᠣᠢ ᠶᠢᠨ ᠡᠷᠭᠢᠯᠲᠡ ᠶᠢᠨ ᠬᠠᠮᠢᠶᠠᠷᠤᠯᠲᠠ ᠶᠢᠨ | ᠠᠷᠭ᠎ᠠ ᠶᠢ ᠰᠤᠳᠤᠯᠤᠨ ᠲᠣᠭᠲᠠᠭᠠᠵᠤ᠂ ᠲᠣᠯᠣᠭᠠᠶᠢᠯᠠᠭᠴᠢ ᠠᠵᠤ ᠠᠬᠤᠶᠢᠯᠠᠯ ᠪᠠ ᠮᠠᠯᠴᠢᠨ ᠲᠠᠷᠢᠶᠠᠴᠢᠨ ᠤ ᠠᠰᠢᠭ | ᠲᠤᠰᠠ ᠶᠢ ᠬᠤᠯᠪᠣᠭᠰᠠᠨ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰᠵᠢᠬᠦ ᠬᠥᠭᠵᠢᠯᠲᠡ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ | ᠶᠢᠨ ᠣᠳᠣᠬᠢᠴᠢᠯᠠᠭᠰᠠᠨ ᠡᠵᠡᠩᠨᠡᠬᠦ ᠰᠢᠰᠲ᠋ᠧᠮ᠂ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠠ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠬᠡᠷᠡᠭᠵᠢᠭᠦᠯᠬᠦ ᠠᠷᠭ᠎ᠠ ᠶᠢ | ᠵᠠᠰᠠᠨ ᠲᠡᠭᠦᠯᠳᠡᠷᠵᠢᠭᠦᠯᠵᠦ᠂ ᠮᠠᠯᠵᠢᠬᠤ ᠶᠢ ᠵᠣᠭᠰᠣᠭᠠᠬᠤ᠂ ᠡᠭᠡᠯᠵᠢᠯᠡᠨ ᠮᠠᠯᠵᠢᠬᠤ ᠪᠠ ᠮᠠᠯ ᠪᠡᠯᠴᠢᠭᠡᠷ ᠢ | ᠲᠡᠩᠴᠡᠭᠦᠷᠢᠰᠢᠭᠦᠯᠬᠦ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠨᠤᠤᠯᠤᠷ ᠤᠨ ᠴᠠᠭᠠᠨ ᠢᠮᠠᠭ᠎ᠠ ᠶᠢᠨ ᠡᠭᠦᠯᠳᠡᠷ | ᠢ ᠬᠠᠮᠠᠭᠠᠯᠠᠨ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠬᠦᠴᠦᠯᠡᠨ ᠬᠡᠷᠡᠭᠵᠢᠭᠦᠯᠵᠦ᠂ ᠨᠤᠤᠯᠤᠷ ᠤᠨ ᠴᠠᠭᠠᠨ | ᠢᠮᠠᠭ᠎ᠠ ᠪᠠ ᠬᠤᠣᠰ ᠪᠥᠬᠦᠳᠣ ᠲᠡᠮᠡᠭᠡᠨ ᠤ ᠥᠷ᠎ᠡ ᠰᠣᠩᠭᠤᠬᠤ ᠭᠤᠣᠯ ᠰᠥᠷᠥᠭ ᠢ ᠥᠷᠭᠡᠳᠬᠡᠵᠥ᠂ ᠣᠬᠢ | ᠰᠢᠯᠢᠳᠡᠭ ᠨᠤᠤᠯᠤᠷ ᠤᠨ ᠴᠠᠭᠠᠨ ᠢᠮᠠᠭ᠎ᠠ ᠶᠢᠨ ᠢᠵᠢ ᠠᠵᠤ ᠦᠢᠯᠡᠰ ᠤᠨ ᠪᠦᠷᠢᠨ ᠬᠡᠯᠬᠢᠶ᠎ᠡ ᠪᠠ ᠲᠡᠷᠢᠭᠦᠨ ᠳᠡᠰ | ᠤᠨ ᠢᠩᠭᠡᠨ ᠰᠦ ᠶᠢᠨ ᠠᠵᠤ ᠦᠢᠯᠡᠰ ᠢ ᠬᠥᠭᠵᠢᠭᠦᠯᠦᠨ᠎ᠡ᠃ ᠡᠯᠡᠰᠣᠨ ᠤ ᠠᠵᠤ ᠦᠢᠯᠡᠰ ᠢ ᠶᠡᠭᠡ ᠬᠦᠴᠦ ᠪᠠᠷ | ᠬᠥᠭᠵᠢᠭᠦᠯᠵᠦ᠂ ᠴᠠᠭᠠᠨ ᠭᠤᠶᠤᠤ ᠶᠢᠨ ᠪᠠᠷᠢᠮᠵᠢᠶᠠᠵᠢᠭᠰᠠᠨ ᠲᠠᠷᠢᠵᠥ ᠤᠷᠭᠤᠭᠤᠯᠬᠤ ᠵᠢᠱᠢᠶ᠎ᠠ ᠦᠵᠡᠭᠦᠯᠭᠦ | ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠳᠠ ᠶᠢ ᠲᠦᠷᠭᠡᠳᠬᠡᠨ ᠠᠬᠢᠭᠤᠯᠤᠨ᠎ᠠ᠃ ᠬᠤᠶᠠᠷ ᠲᠤ᠂ ᠠᠵᠣ | ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠣᠨ ᠲᠡᠰ ᠳᠡᠪᠰᠢᠭᠦᠯᠬᠦ ᠶᠢ ᠲᠥᠯᠬᠢᠨ ᠠᠬᠢᠭᠤᠯᠣᠨ᠎ᠠ᠃ ︽ ᠨᠢᠭᠡ | ᠠᠵᠣ ᠠᠬᠤᠶᠢᠯᠡᠯ ᠨᠢᠭᠡ ᠪᠣᠳᠣᠯᠭ᠎ᠠ︾ ᠶᠢ ᠪᠠᠷᠢᠮᠲᠠᠯᠠᠵᠤ᠂ ᠮᠡᠷᠭᠡᠵᠢᠯ ᠤᠨ ᠥᠭᠡᠷᠡᠴᠢᠯᠡᠯᠲᠡ ᠪᠠᠷ ᠨᠢᠭᠡ ᠪᠦᠯᠦᠭ ᠢ | ᠬᠡᠯᠪᠡᠷᠢ ᠪᠠᠨ ᠬᠤᠪᠢᠷᠠᠭᠤᠯᠣᠨ ᠲᠡᠰ ᠳᠡᠪᠰᠢᠭᠦᠯᠵᠦ᠂ ᠨᠢᠭᠡᠳᠦᠭᠦᠯᠵᠦ ᠳᠠᠬᠢᠨ ᠨᠡᠶᠢᠯᠡᠭᠦᠯᠬᠦ ᠪᠠᠷ ᠨᠢᠭᠡ ᠪᠦᠯᠦᠭ ᠢ | ᠨᠡᠶᠢᠳᠬᠡᠨ ᠪᠤᠵᠠᠭᠠᠶᠢᠷᠠᠭᠤᠯᠵᠤ᠂ ᠭᠠᠳᠠᠭᠰᠢ ᠪᠡᠯᠡ ᠣᠷᠣᠭᠤᠯᠬᠤ ᠶᠢ ᠦᠷᠭᠡᠳᠬᠡᠬᠦ ᠪᠠᠷ ᠨᠢᠬᠡ ᠪᠦᠯᠦᠭ ᠶᠢ | ᠰᠢᠯᠵᠢᠭᠦᠯᠦᠨ ᠬᠥᠭᠵᠢᠭᠦᠯᠵᠦ᠂ ᠤᠷᠴᠢᠨ ᠠᠬᠤᠢ ᠶᠢᠨ ᠬᠠᠮᠠᠭᠠᠯᠠᠯᠲᠠ ᠠᠶᠤᠯ ᠦᠭᠡᠢ ᠦᠢᠯᠡᠳᠪᠦᠷᠢᠯᠡᠯ ᠡᠨᠧᠷᠺᠢ | ᠵᠠᠷᠠᠴᠠᠭᠤᠯᠬᠤ ᠪᠠᠷᠢᠮᠵᠢᠶ᠎ᠠ ᠪᠠᠷ ᠨᠢᠭᠡ ᠪᠦᠯᠦᠭ ᠢ ᠰᠢᠭᠰᠢᠬᠦ᠂ ᠡᠳ᠋ ᠤᠨ ᠵᠠᠰᠠᠭ ᠮᠦᠩᠬᠦᠨ ᠬᠦᠢᠯᠭᠡᠭᠡ ᠭᠠᠶᠢᠯᠢ ᠶᠢᠨ | ᠲᠥᠷᠥ ᠶᠢᠨ ᠪᠣᠳᠣᠯᠭ᠎ᠠ ᠶᠢ ᠲᠡᠭᠦᠯᠳᠡᠷᠵᠢᠬᠦᠯᠬᠦ ᠪᠠᠷ ᠨᠢᠭᠡ ᠪᠦᠯᠦᠭ ᠢ ᠲᠡᠳᠬᠦᠨ ᠠᠪᠤᠷᠠᠬᠤ ᠵᠡᠷᠭᠡ ︽ ᠲᠠᠪᠤᠨ ᠨᠢᠭᠡ | ᠪᠦᠯᠦᠭ ︾ ᠤᠨ ᠠᠷᠭ᠎ᠠ ᠠᠪᠴᠢᠯ ᠢᠶᠠᠷ ᠳᠠᠮᠵᠢᠵᠤ᠂ ᠤᠯᠠᠮᠵᠢᠯᠠᠯᠲᠤ ᠠᠵᠤ ᠦᠢᠯᠡᠰ ᠤᠨ ᠪᠦᠲᠦᠴᠡ ᠶᠢᠨ | ᠲᠣᠬᠢᠷᠠᠭᠤᠯᠤᠯᠲᠠ ᠳᠠᠬᠢ ᠡᠪᠡᠷᠰᠢᠶᠠᠯᠳᠡ ᠬᠤᠭᠤᠴᠠᠭ᠎ᠠ ᠶᠢ ᠲᠤᠭᠤᠯᠵᠤ ᠭᠠᠲᠤᠯᠬᠤ ᠶᠢ ᠲᠦᠯᠬᠢᠨ ᠠᠬᠢᠭᠤᠯᠤᠨ᠎ᠠ᠃ | ᠰᠢᠨ᠎ᠡ ᠮᠠᠲ᠋ᠧᠷᠢᠶᠠᠯ᠂ ᠰᠢᠨ᠎ᠡ ᠡᠨᠧᠷᠺᠢ᠂ ᠲᠣᠨᠣᠭᠯᠠᠯ ᠦᠢᠯᠡᠳᠬᠦ᠂ ᠠᠮᠢᠳᠤ ᠪᠤᠳᠠᠰ ᠤᠨ ᠡᠮ ᠢ ᠦᠢᠯᠡᠳᠪᠦᠷᠢᠯᠡᠬᠦ | ᠵᠡᠷᠭᠡ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠲᠦᠷᠭᠡᠳᠬᠡᠨ ᠬᠥᠭᠵᠢᠭᠦᠯᠵᠦ᠂ ᠬᠠ ᠨᠠ ᠰᠧ ᠠᠯᠠᠱᠠ ᠠᠭᠤᠯᠠ | ᠶᠢᠨ ᠰᠠᠯᠬᠢᠨ ᠤ ᠬᠦᠴᠦ ᠪᠠᠷ ᠴᠠᠬᠢᠯᠭᠠᠨ ᠭᠠᠷᠭᠠᠬᠤ᠂ ᠬᠠᠯᠠᠭᠤᠨ ᠺᠣᠮᠫᠠᠨᠢ ᠶᠢᠨ ᠢᠯᠴᠢ ᠴᠠᠬᠢᠯᠭᠠᠨ ᠤ ᠦᠢᠯᠡᠳᠪᠦᠷᠢ᠂ | ᠬᠡᠶᠢᠲᠦ ᠪᠥᠮᠪᠦᠭᠡ ᠶᠢᠨ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠠᠶᠢᠭᠤᠯᠤᠯᠲᠠ ᠶᠢᠨ ᠠᠬᠢᠴᠠ ᠶᠢ | ᠲᠦᠷᠭᠡᠳᠬᠡᠨ᠂ ᠱᠧᠨ ᠮᠤ᠋ ᠭᠤᠥ ᠺᠧ ᠶᠢᠨ ᠨᠢᠯᠬᠠᠰ ᠤᠨ ᠰᠦᠨ ᠲᠠᠯᠬ᠎ᠠ᠂ ᠠᠯᠠᠱᠠ ᠵᠡᠭᠦᠨ ᠬᠤᠰᠢᠭᠤᠨ ᠤ 30 | ᠰᠠᠶ᠎ᠠ ᠸᠠᠲ ᠤᠨ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠲᠣᠭᠲᠠᠭᠰᠠᠨ ᠬᠤᠭᠤᠴᠠᠭᠠᠨ ᠳᠠᠭᠠᠨ ᠠᠵᠢᠯ | ᠡᠬᠢᠯᠡᠨ ᠪᠠᠶᠢᠭᠤᠯᠬᠤ ᠶᠢ ᠬᠦᠴᠦᠳᠠᠢ ᠠᠬᠢᠭᠤᠯᠵᠤ᠂ ᠳᠤᠮᠳᠠᠳᠤ ᠤᠯᠤᠰ ᠤᠨ ᠴᠠᠬᠢᠯᠭᠠᠨ ᠤ ᠪᠡᠯᠡ ᠣᠷᠤᠭᠤᠯᠤᠯᠲᠠ | ᠶᠢᠨ 2×1000 ᠰᠠᠶ᠎ᠠ ᠸᠠᠲ ᠤᠨ ᠭᠠᠯ ᠴᠠᠬᠢᠯᠭᠠᠨ᠂ ᠳᠤᠮᠳᠠᠳᠤ ᠤᠯᠤᠰ ᠤᠨ ᠭᠤᠸᠠᠩ ᠾᠧ ᠪᠦᠯᠦᠭᠯᠡᠯ ᠤᠨ | 100 ᠰᠠᠶ᠎ᠠ ᠸᠠᠲ ᠤᠨ ᠭᠡᠷᠡᠯ ᠢᠯᠴᠢ ᠶᠢᠨ ᠴᠠᠬᠢᠯᠭᠠᠨ ᠭᠠᠷᠭᠠᠬᠤ᠂ ᠶᠢᠨ ᠪᠤᠤ ᠯᠢ ᠭᠧ ᠲᠡᠯᠡᠰ ᠴᠢᠨᠠᠷᠳᠤ ᠪᠠᠯ | ᠴᠢᠯᠠᠭᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠴᠢᠬᠤᠯᠠ ᠶᠡᠭᠡ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ | ᠠᠵᠢᠯ ᠢ ᠣᠨᠴᠠᠭᠠᠶᠢᠯᠠᠨ ᠰᠠᠶᠢᠲᠤᠷ ᠠᠳᠬᠤᠨ᠎ᠠ᠃ ᠭᠤᠷᠪᠠ ᠳᠤ᠂ ᠭᠤᠷᠪᠡᠳᠤᠭᠠᠷ ᠠᠵᠤ ᠤᠶᠢᠯᠡᠰ ᠢ ᠬᠥᠭᠵᠢᠭᠦᠯᠥᠨ | ᠪᠤᠵᠠᠭᠠᠶᠢᠷᠠᠭᠤᠯᠤᠨ᠎ᠠ᠃ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠶᠡᠷᠦᠩᠬᠡᠢ ᠲᠥᠯᠥᠪᠯᠡᠭᠡ ᠶᠢ | ᠨᠠᠶᠢᠷᠠᠭᠤᠯᠤᠨ ᠪᠢᠴᠢᠬᠦ᠂ ᠲᠡᠭᠷᠢ ᠡᠯᠡᠰᠦᠨ ᠤ ᠵᠢᠭᠤᠯᠴᠢᠯᠠᠯ ᠤᠨ ᠶᠡᠷᠦᠩᠬᠡᠢ ᠲᠥᠯᠥᠪᠵᠢᠭᠦᠯᠭᠡ᠂ ᠬᠡᠭᠡᠷᠯᠡᠨ ᠠᠶᠠᠯᠠᠬᠤ | e ᠬᠤᠯᠪᠤᠭᠠᠨ ᠤ ᠠᠯᠠᠱᠠ ᠶᠢᠨ ᠡᠯᠡᠰᠦ ᠮᠠᠩᠬᠠᠨ ᠤ ᠮᠠᠰᠢᠨ ᠲᠡᠷᠭᠡᠨ ᠤ ᠰᠤᠶᠤᠯ ᠶᠢᠨ ᠭᠤᠣᠯ ᠰᠡᠳᠦᠪᠲᠦ | ᠴᠡᠴᠡᠷᠯᠢᠭ ᠤᠨ ᠲᠥᠯᠥᠪᠯᠡᠭᠡ ᠪᠠ ᠪᠠᠶᠠᠨᠬᠤᠳᠠ ᠶᠢᠨ ᠬᠤᠳᠠ ᠶᠢᠨ ᠵᠢᠭᠤᠯᠴᠢᠯᠠᠯ ᠤᠨ ᠲᠥᠯᠥᠪᠯᠡᠭᠡ ᠶᠢ | ᠨᠠᠶᠢᠷᠠᠭᠤᠯᠤᠨ ᠪᠢᠴᠢᠬᠦ ᠪᠠ ᠰᠢᠯᠭᠠᠨ ᠬᠢᠨᠠᠬᠤ ᠠᠵᠢᠯ ᠢ ᠰᠠᠶᠢᠲᠤᠷ ᠠᠳᠬᠤᠨ᠎ᠠ᠃ A ᠲᠡᠰ ᠤᠨ ᠦᠵᠡᠮᠵᠢ ᠶᠢᠨ | ᠤᠷᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠵᠦ᠂ ᠱᠠᠰᠢᠨ ᠢ ᠪᠠᠳᠠᠷᠠᠭᠤᠯᠤᠭᠴᠢ | ᠰᠥᠮ᠎ᠡ᠂ ᠪᠤᠶᠠᠨ ᠢ ᠥᠨᠳᠤᠰᠤᠯᠡᠭᠴᠢ ᠰᠥᠮ᠎ᠡ᠂ ᠤᠯᠠᠭᠠᠨ ᠨᠠᠭᠤᠷ᠂ ᠤᠯᠠᠨᠪᠦᠯᠠᠭ ᠵᠡᠷᠭᠡ ᠥᠵᠡᠮᠵᠢ ᠶᠢᠨ ᠤᠷᠤᠨ | ᠤ ᠰᠠᠭᠤᠷᠢ ᠲᠥᠬᠦᠭᠡᠷᠡᠮᠵᠢ ᠶᠢᠨ ᠪᠠᠶᠢᠭᠤᠯᠤᠯᠲᠠ ᠶᠢ ᠰᠠᠶᠢᠲᠤᠷ ᠠᠳᠬᠤᠨ᠎ᠠ᠃ ︽ᠣᠶᠤᠨᠴᠢ ᠰᠣᠶᠣᠯ︾᠂ ︽ | ᠣᠶᠤᠨᠴᠢ ᠵᠢᠭᠤᠯᠴᠢᠯᠠᠯ 》 ᠢ ᠪᠠᠶᠢᠭᠤᠯᠬᠤ ᠢᠨᠵᠧᠨᠧᠷᠢᠩ ᠶᠢ ᠡᠬᠢᠯᠡᠭᠦᠯᠵᠦ᠂ ᠵᠢᠭᠤᠯᠴᠢᠯᠠᠯ ᠤᠨ ᠡᠬᠢ ᠰᠤᠷᠪᠤᠯᠵᠢ | ᠪᠠ ᠮᠡᠳᠡᠭᠡ ᠵᠠᠩᠭᠢ ᠶᠢᠨ ᠡᠬᠢ ᠰᠤᠷᠪᠤᠯᠵᠢ ᠶᠢ ᠭᠦᠨᠵᠡᠭᠡᠢ ᠠᠭᠤᠰᠤᠯᠴᠠᠭᠤᠯᠬᠤ ᠪᠠ ᠨᠡᠭᠡᠭᠡᠨ ᠠᠰᠢᠭᠯᠠᠬᠤ ᠶᠢ | ᠲᠦᠯᠬᠢᠨ ᠠᠬᠢᠭᠤᠯᠤᠨ᠎ᠠ᠃ ᠣᠯᠠᠨ ᠤᠯᠤᠰ ᠤᠨ ᠵᠢᠭᠤᠯᠴᠢᠯᠠᠯ ᠤᠨ ᠪᠦᠯᠦᠭᠯᠡᠯ ᠢ ᠢᠳᠡᠪᠬᠢᠲᠡᠢ ᠣᠷᠣᠭᠤᠯᠵᠤ᠂ | ᠣᠷᠣᠨ ᠪᠦᠰᠡ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠳᠡᠭᠡᠳᠦ ᠳᠡᠰ ᠤᠨ ᠵᠢᠭᠤᠯᠴᠢᠯᠠᠯ ᠤᠨ ᠪᠦᠲᠦᠭᠡᠭᠳᠡᠬᠦᠨ | ᠪᠠ ᠰᠣᠳᠣᠨ ᠵᠢᠭᠤᠯᠴᠢᠯᠠᠯ ᠤᠨ ᠲᠥᠷᠥᠯ ᠵᠦᠢᠯ ᠢ ᠲᠥᠰᠥᠪᠯᠡᠨ ᠨᠡᠭᠡᠭᠡᠨ᠎ᠡ᠃ ᠣᠳᠣᠬᠢᠴᠢᠯᠠᠭᠰᠠᠨ ᠡᠳ᠋ ᠪᠠᠷᠠᠭᠠᠨ | ᠤ ᠬᠦᠢᠯᠭᠡᠭᠡᠨ ᠤ ᠬᠥᠭᠵᠢᠯᠲᠡ ᠶᠢ ᠲᠦᠷᠭᠡᠳᠬᠡᠵᠦ᠂ ᠲᠠᠸᠠᠷ ᠢ ᠲᠣᠬᠢᠷᠠᠭᠤᠯᠤᠨ ᠬᠦᠷᠭᠡᠬᠦ᠂ ᠬᠥᠮᠥᠷᠭᠡᠯᠡᠬᠦ᠂ | ᠠᠷᠠᠯᠵᠢᠶᠠᠯᠠᠬᠤ ᠵᠡᠷᠭᠡ ᠶᠢ ᠨᠢᠭᠡ ᠴᠣᠭᠴᠠᠵᠢᠭᠤᠯᠤᠭᠰᠠᠨ ᠡᠳ᠋ ᠪᠠᠷᠠᠭᠠᠨ ᠤ ᠬᠦᠢᠯᠭᠡᠭᠡᠨ ᠤ ᠲᠥᠪ ᠢ ᠰᠦᠪᠡᠭᠴᠢᠯᠡᠨ | ᠪᠠᠶᠢᠭᠤᠯᠤᠨ᠎ᠠ᠃ ᠮᠥᠩᠭᠦᠨ ᠭᠥᠢᠯᠭᠡᠭᠡᠨ ᠤ ᠲᠠᠭᠠᠳᠬᠠᠯ᠂ ᠡᠯᠧᠷᠲᠷᠤᠨ ᠬᠤᠳᠠᠯᠳᠤᠭ᠎ᠠ᠂ ᠡᠷᠡᠭᠦᠯ ᠡᠩᠬᠡ ᠶᠢᠨ | ᠨᠠᠰᠤᠵᠢᠯ᠂ ᠭᠡᠷ ᠠᠬᠤᠢ ᠶᠢᠨ ᠤᠶᠢᠯᠡᠴᠢᠯᠡᠯᠭᠡ᠂ ᠠᠳᠠᠯ ᠠᠬᠤᠢ ᠶᠢᠨ ᠬᠠᠮᠢᠶᠠᠷᠤᠯᠳᠠ ᠪᠠ ᠪᠤᠤᠬᠢᠶᠠᠯᠠᠨ ᠬᠦᠷᠭᠡᠬᠦ | ᠵᠡᠷᠭᠡ ᠤᠶᠢᠯᠡᠳᠪᠤᠷᠢᠯᠡᠯ ᠠᠮᠢᠳᠤᠷᠠᠯ ᠤᠨ ᠴᠢᠨᠠᠷᠲᠠᠢ ᠤᠶᠢᠯᠡᠴᠢᠯᠡᠯᠭᠡᠨ ᠤ ᠤᠶᠢᠯᠡᠰ ᠢ ᠶᠡᠭᠡᠪᠡᠷ ᠬᠦᠭᠵᠢᠬᠦᠯᠤᠨ᠎ᠠ︔ | | ︵ᠭᠤᠷᠪᠠ︶ ᠥᠭᠡᠷᠡᠴᠢᠯᠡᠯᠲᠡ ᠶᠢ ᠬᠦᠨᠵᠡᠭᠡᠶᠢᠷᠡᠭᠦᠯᠬᠦ ᠶᠢ ᠭᠤᠶᠢᠪᠢᠰᠢ ᠦᠭᠡᠢ ᠪᠠᠷᠢᠮᠲᠠᠯᠠᠵᠤ᠂ ᠠᠵᠥ ᠠᠬᠤᠢ ᠶᠢᠨ | ᠭᠦᠭᠵᠢᠯᠲᠠ ᠶᠢᠨ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠭᠦᠭᠵᠢᠭᠡᠨᠠ᠃ | ᠦᠭᠡᠷᠠᠴᠢᠯᠡᠯᠳᠠ ᠰᠢᠨᠡᠴᠢᠯᠡᠯᠳᠠ ᠪᠤᠯ ᠠᠯᠢᠪᠠ ᠭᠦᠭᠵᠢᠯᠳᠠ ᠶᠢᠨ ᠪᠤᠭᠤᠮᠢ ᠶᠢ ᠰᠢᠪᠲᠤᠯᠬᠤ ᠵᠠᠩᠭᠢᠯᠠᠭ᠎ᠠ ᠮᠥᠨ᠂ | ᠪᠢᠳᠠ ᠵᠠᠪᠠᠯ ᠦᠭᠡᠷᠡᠴᠢᠯᠡᠯᠳᠠ ᠶᠢ ᠰᠢᠨᠡᠴᠢᠯᠡᠬᠦ ᠶᠢ ᠠᠵᠥ ᠠᠬᠤᠢ ᠨᠠᠶᠢᠭᠡᠮ ᠤᠨ ᠭᠦᠭᠵᠢᠯᠳᠠ ᠶᠢᠨ ᠪᠦᠭᠦ ᠶᠠᠪᠦᠴᠨ | ᠳᠤ ᠲᠤᠤᠱᠯᠠᠭᠤᠯᠵᠥ᠂ ᠰᠢᠨ᠎ᠡ ᠶᠢ ᠡᠭᠦᠳᠴᠥ ᠭᠦᠭᠵᠢᠭᠦᠯᠭᠦ᠂ ᠵᠤᠬᠢᠴᠠᠩᠭᠤᠢ ᠪᠠᠷ ᠭᠦᠭᠵᠢᠭᠦᠯᠭᠦ᠂ ᠪᠤᠬᠢᠷᠳᠥᠯ | ᠦᠭᠡᠢ ᠪᠠᠷ ᠭᠦᠭᠵᠢᠭᠦᠯᠭᠦ᠂ ᠭᠠᠳᠠᠭᠰᠢ ᠨᠡᠭᠡᠭᠡᠨ ᠭᠦᠭᠵᠢᠭᠦᠯᠭᠦ᠂ ᠬᠠᠮᠳᠤᠪᠡᠷ ᠡᠳ᠋ᠯᠡᠭᠦ ᠭᠦᠭᠵᠢᠯᠳᠠ ᠳᠤ ᠠᠰᠢᠭᠳᠠᠢ | ᠰᠢᠰᠲ᠋ᠧᠮ ᠲᠤᠭᠳᠠᠯᠴᠠᠭ᠎ᠠ ᠶᠢᠨ ᠰᠢᠨᠡᠴᠢᠯᠡᠯᠳᠠ ᠶᠢ ᠲᠦᠷᠭᠡᠳᠭᠡᠨ ᠠᠬᠢᠭᠤᠯᠵᠥ᠂ ᠠᠵᠥ ᠠᠬᠤᠢ ᠨᠠᠶᠢᠭᠡᠮ ᠤᠨ | ᠭᠦᠭᠵᠢᠯᠳᠠ ᠳᠤ ᠰᠢᠨ᠎ᠡ ᠭᠦᠳᠡᠯᠭᠡᠭᠦ ᠭᠦᠴᠥᠨ ᠢ ᠨᠡᠮᠡᠵᠦ᠂ ᠰᠢᠨ᠎ᠡ ᠠᠮᠢᠵᠢᠷᠠᠯ ᠤᠨ ᠭᠦᠴᠥᠨ ᠢ ᠨᠡᠮᠡᠭᠳᠡᠭᠦᠯᠵᠥ᠂ | ᠰᠢᠨ᠎ᠡ ᠤᠷᠥᠨ ᠵᠠᠢ ᠶᠢ ᠲᠠᠰᠤᠷᠠᠯᠳᠠ ᠦᠭᠡᠢ ᠦᠷᠭᠡᠳᠭᠡᠨ᠎ᠡ᠃ ᠨᠢᠭᠡ ᠳᠤ ᠥᠭᠡᠷᠡᠴᠢᠯᠡᠯᠲᠡ ᠰᠢᠨᠡᠴᠢᠯᠡᠯᠳᠠ ᠶᠢ | ᠪᠦᠭᠦ ᠲᠠᠯ᠎ᠠ ᠪᠠᠷ ᠬᠦᠨᠵᠡᠭᠡᠶᠢᠷᠡᠭᠦᠯᠬᠦ ᠶᠢ ᠰᠠᠶᠢᠳᠣᠷ ᠠᠳᠬᠤᠨ᠎ᠠ᠃ ᠠᠵᠥ ᠠᠬᠤᠶᠢᠯᠠᠯ ᠤᠨ ᠰᠢᠨ᠎ᠡ ᠶᠢ ᠡᠭᠦᠳᠭᠦ | ᠭᠤᠤᠯ ᠴᠤᠭᠴᠠ ᠶᠢᠨ ᠪᠠᠶᠢᠷᠢ ᠰᠠᠭᠤᠷᠢ ᠶᠢ ᠴᠢᠩᠭᠠᠷᠠᠭᠤᠯᠵᠤ ᠂ ᠠᠵᠥ ᠠᠬᠤᠶᠢᠯᠠᠯ ᠪᠤᠯᠣᠨ ᠰᠢᠨᠵᠢᠯᠡᠭᠡ | ᠰᠤᠳᠤᠯᠭᠠᠨ ᠤ ᠪᠠᠶᠢᠭᠤᠯᠥᠮᠵᠢ ᠂ ᠳᠡᠭᠡᠳᠥ ᠵᠡᠷᠭᠡ ᠶᠢᠨ ᠰᠤᠷᠭᠠᠭᠤᠯᠢ ᠬᠠᠮᠳᠤᠷᠠᠵᠥ ᠠᠵᠥ ᠤᠶᠢᠯᠡᠰ ᠤᠨ | ᠮᠡᠷᠭᠡᠵᠢᠯ ᠤᠨ ᠰᠢᠨ᠎ᠡ ᠶᠢ ᠡᠭᠦᠳᠭᠦ ᠰᠢᠨ᠎ᠡ ᠪᠠᠶᠢᠯᠳᠥᠬᠤ ᠪᠣᠳᠣᠯᠭ᠎ᠠ ᠶᠢᠨ ᠬᠤᠯᠪᠦᠭ᠎ᠠ ᠪᠠᠶᠢᠭᠤᠯᠬᠤ ᠶᠢ ᠳᠡᠮᠵᠢᠵᠦ᠂ | ᠬᠠᠮᠲᠤᠷᠠᠨ ᠨᠡᠭᠡᠭᠡᠨ ᠬᠥᠭᠵᠢᠭᠦᠯᠬᠦ᠂ ᠲᠠᠪᠠᠭᠤᠯᠢᠭ ᠢᠶᠠᠨ ᠬᠠᠷᠢᠯᠴᠠᠨ ᠨᠦᠭᠦᠪᠦᠷᠢᠯᠡᠭᠦ᠂ ᠠᠰᠢᠭ ᠲᠤᠰᠠ ᠪᠠᠨ | ᠬᠠᠮᠳᠥᠪᠠᠷ ᠡᠳ᠋ᠯᠡᠭᠦ᠂ ᠠᠶᠤᠯ ᠲᠦᠭᠰᠢᠭᠦᠷᠢ ᠶᠢ ᠬᠠᠮᠳᠥᠪᠠᠷ ᠡᠭᠦᠷᠭᠡᠯᠡᠭᠦ ᠰᠢᠨ᠎ᠡ ᠪᠠᠶᠢᠭᠤᠯᠥᠮᠵᠢ ᠶᠢ ᠪᠦᠷᠢᠯᠳᠥᠭᠦᠯᠵᠥ᠂ | ᠨᠢᠭᠡ ᠪᠦᠯᠥᠭ ᠳᠡᠭᠡᠳᠤ ᠰᠢᠨᠵᠢᠯᠡᠭᠡ ᠮᠡᠷᠭᠡᠵᠢᠯ ᠤᠨ ᠠᠭᠤᠯᠤᠭᠳᠠᠬᠤᠨ ᠲᠠᠢ ᠪᠦᠲᠦᠭᠡᠭᠳᠡᠬᠦᠨ ᠢ ᠬᠦᠴᠦᠯᠡᠨ | ᠰᠤᠳᠤᠯᠤᠨ ᠨᠡᠭᠡᠭᠡᠨ᠎ᠠ᠃ ᠭᠤᠤᠯᠳᠠᠯᠭ᠎ᠠ ᠲᠠᠢ ᠬᠦᠷᠢᠶ᠎ᠠ ᠴᠠᠷ᠎ᠠ ᠶᠢᠨ ᠰᠢᠨ᠎ᠡ ᠶᠢ ᠡᠭᠦᠳᠭᠦ ᠶᠢ ᠰᠠᠶᠢᠳᠥᠷ ᠠᠳᠬᠤᠵᠥ᠂ | ᠨᠡᠭᠦᠷᠠᠰᠥ ᠬᠢᠮᠢ ᠶᠢᠨ ᠦᠢᠯᠡᠳᠪᠦᠷᠢ ᠂ ᠳᠠᠪᠦᠰᠥᠨ ᠱᠠᠥ ᠶᠢᠨ ᠬᠢᠮᠢ ᠶᠢᠨ ᠠᠵᠦ ᠤᠶᠢᠯᠡᠳᠪᠦᠷᠢ ᠪᠤᠯᠥᠨ ᠲᠡᠮᠦᠷᠯᠢᠭ | ᠪᠤᠯᠪᠠᠰᠤᠷᠠᠭᠤᠯᠬᠤ ᠠᠵᠥ ᠤᠶᠢᠯᠡᠳᠪᠦᠷᠢ ᠶᠢᠨ ᠭᠡᠯᠬᠢᠶ᠎ᠠ ᠶᠢ ᠤᠷᠳᠤᠳᠬᠠᠬᠤ ᠲᠤᠭᠤᠷᠢᠨ ᠳᠤ᠂ ᠠᠵᠥ | ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠬᠢᠬᠦ ᠶᠢ ᠳᠡᠮᠵᠢᠵᠦ᠂ ᠪᠦᠲᠦᠭᠡᠭᠳᠡᠬᠦᠨ ᠤ ᠨᠡᠮᠡᠯᠳᠠ ᠦᠷᠳᠡᠭ ᠢ | ᠳᠡᠭᠡᠭᠰᠢᠯᠡᠭᠦᠯᠵᠥ᠂ ᠠᠵᠥ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠭᠦ ᠬᠦᠴᠦᠨ ᠢ ᠳᠡᠭᠡᠭᠰᠢᠯᠡᠭᠦᠯᠦᠨ᠎ᠡ᠃ | ᠲᠡᠮᠡᠭᠡ᠂ ᠨᠣᠣᠯᠤᠷ ᠤᠨ ᠴᠠᠭᠠᠨ ᠢᠮᠠᠭ᠎ᠠ ᠵᠡᠷᠭᠡ ᠲᠠᠪᠠᠭᠤᠯᠢᠭ ᠮᠠᠯ ᠡᠭᠦᠯᠳᠡᠷ ᠤᠨ ᠠᠵᠤ ᠦᠢᠯᠡᠰ ᠪᠠ ᠴᠠᠭᠠᠨ | ᠭᠤᠶᠤᠤ ᠤᠯᠠᠭᠠᠨ ᠭᠤᠶᠤᠤ ᠬᠥᠮᠡᠯᠢ ᠵᠡᠷᠭᠡ ᠣᠨᠴᠠᠯᠢᠭᠲᠤ ᠡᠯᠡᠰᠥᠨ ᠤ ᠠᠵᠥ ᠤᠶᠢᠯᠡᠰ ᠢ ᠪᠤᠵᠠᠭᠠᠶᠢᠷᠠᠭᠤᠯᠬᠤ ᠶᠢᠨ | ᠲᠣᠭᠤᠷᠢᠨ ᠳᠤ᠂ ᠪᠦᠳᠦᠭᠡᠭᠳᠡᠭᠦᠨ ᠢ ᠨᠠᠷᠢᠯᠢᠭ ᠪᠣᠯᠪᠠᠰᠤᠷᠠᠭᠤᠯᠬᠤ ᠨᠡᠭᠡᠭᠡᠨ ᠬᠥᠭᠵᠢᠭᠦᠯᠬᠦ ᠬᠦᠴᠦᠯᠡᠴᠡ ᠪᠠᠨ | ᠶᠡᠬᠡᠰᠬᠡᠵᠦ᠂ ᠨᠢᠭᠡ ᠪᠦᠯᠥᠭ ᠪᠡᠶ᠎ᠡ ᠪᠠᠨ ᠲᠠᠭᠠᠭᠠᠭᠰᠠᠨ ᠮᠡᠳᠡᠯᠭᠡ ᠶᠢᠨ ᠥᠮᠴᠢᠯᠡᠬᠦ ᠡᠷᠬᠡ ᠪᠠ ᠭᠤᠤᠯ | ᠦᠷᠢᠰᠤᠯᠳᠥᠭᠦ ᠭᠦᠴᠥᠨ ᠲᠠᠢ ᠰᠢᠨᠵᠢᠯᠡᠭᠡ ᠮᠡᠷᠭᠡᠵᠢᠯ ᠤᠨ ᠦᠷ᠎ᠡ ᠪᠦᠲᠦᠮᠵᠢ ᠶᠢ ᠴᠢᠷᠮᠠᠶᠢᠨ ᠡᠵᠡᠮᠰᠢᠨ᠎ᠡ᠃ ᠬᠤᠶᠠᠷ | ᠲᠤ ᠴᠢᠬᠤᠯᠠ ᠶᠡᠭᠡ ᠦᠭᠡᠷᠡᠴᠢᠯᠡᠯᠳᠠ ᠶᠢᠨ ᠲᠤᠷᠰᠢᠯᠲᠠ ᠶᠢᠨ ᠴᠡᠭ ᠢ ᠰᠠᠶᠢᠲᠤᠷ ᠠᠳᠬᠤᠨ᠎ᠠ᠃ ᠲᠦᠯᠬᠢᠨ | ᠠᠬᠢᠭᠤᠯᠬᠤ ᠬᠦᠴᠦᠯᠡᠴᠡ ᠪᠠᠨ ᠤᠯᠠᠮ ᠨᠢᠭᠡ ᠠᠯᠬᠤᠮ ᠶᠡᠬᠡᠰᠬᠡᠵᠦ᠂ ᠲᠤᠷᠰᠢᠯᠲᠠ ᠶᠢᠨ ᠴᠡᠭ ᠤᠨ ᠠᠵᠢᠯ ᠢ ᠨᠠᠷᠢᠯᠢᠭ | ᠬᠢᠨᠠᠮᠠᠭᠠᠢ ᠴᠢᠷᠮᠠᠶᠢᠨ ᠬᠢᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ | ᠥᠭᠡᠷᠡᠴᠢᠯᠡᠯᠲᠡ᠂ ᠨᠠᠰᠤᠵᠢᠯ ᠤᠨ ᠦᠢᠯᠡᠴᠢᠯᠡᠭᠡ ᠶᠢᠨ ᠰᠢᠨᠡᠴᠢᠯᠡᠯᠳᠠ᠂ ᠮᠠᠯᠵᠢᠬᠤ ᠤᠷᠥᠨ ᠤ ᠨᠤᠳᠤᠭ ᠪᠡᠯᠴᠢᠭᠡᠷ | ᠤᠨ ᠡᠷᠭᠡ ᠶᠢ ᠲᠤᠭᠳᠠᠭᠠᠬᠤ᠂ ᠭᠦᠳᠡᠭᠡ ᠲᠤᠰᠬᠤᠨ ᠤ ᠭᠠᠵᠠᠷ ᠰᠢᠷᠤᠢ ᠳᠠᠭᠠᠭᠠᠴᠢᠯᠡᠨ ᠡᠵᠡᠩᠨᠡᠭᠦ ᠡᠷᠭᠡ ᠶᠢ | ᠲᠣᠭᠲᠠᠭᠠᠵᠤ ᠳᠠᠩᠰᠠᠯᠠᠨ ᠦᠨᠡᠮᠯᠡᠯ ᠣᠯᠭᠤᠬᠤ ᠂ ᠨᠠᠮ ᠤᠨ ᠲᠦᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ | ᠶᠢᠨ ᠲᠤᠰᠢᠶᠠᠯ ᠡᠭᠦᠷᠭᠡᠯᠡᠭᠦ ᠲᠦᠷᠢᠮ᠂ ᠰᠢᠭᠦᠨ ᠲᠠᠰᠥᠯᠬᠤ ᠡᠷᠭᠡ ᠶᠢ ᠶᠠᠪᠦᠭᠤᠯᠬᠤ ᠲᠤᠭᠳᠠᠯᠴᠠᠭ᠎ᠠ ᠵᠡᠷᠭᠡ | ᠲᠤᠷᠰᠢᠯᠲᠠ ᠶᠢᠨ ᠴᠡᠭ ᠣᠨᠦᠭᠡᠷᠡᠴᠢᠯᠡᠯᠳᠠ ᠲᠤᠮᠳᠠ ᠲᠦᠭᠡᠮᠡᠯᠵᠢᠭᠦᠯᠦᠨ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠪᠤᠢ | ᠪᠣᠯᠭᠠᠨ᠎ᠠ᠃ ᠭᠤᠷᠪᠠ ᠳᠤ ᠡᠯ᠎ᠠ ᠲᠦᠷᠦᠯ ᠤᠨ ᠦᠭᠡᠷᠡᠴᠢᠯᠡᠯᠳᠠ ᠤᠨ ᠡᠭᠦᠷᠭᠡ ᠶᠢ ᠨᠠᠶᠢᠳᠠᠪᠤᠷᠢᠵᠢᠭᠤᠯᠬᠤ ᠶᠢ | ᠰᠠᠶᠢᠲᠤᠷ ᠠᠳᠬᠤᠨ᠎ᠠ᠃ ᠬᠠᠩᠭᠠᠯᠭ᠎ᠠ ᠶᠢᠨ ᠲᠠᠯ᠎ᠠ ᠶᠢᠨ ᠪᠦᠳᠦᠴᠨ ᠶᠢᠨ ᠴᠢᠨᠠᠷᠳᠠᠢ ᠦᠭᠡᠷᠡᠴᠢᠯᠡᠯᠳᠠ ᠶᠢ ᠭᠦᠴᠥᠯᠡᠨ | ᠠᠬᠢᠭᠤᠯᠵᠥ᠂ ᠪᠦᠲᠦᠮᠵᠢᠲᠡᠢ ᠠᠷᠭ᠎ᠠ ᠠᠪᠴᠢᠯ ᠢ ᠠᠪᠴᠤ ᠦᠢᠯᠡᠳᠪᠦᠷᠢᠯᠡᠯ ᠤᠨ ᠴᠢᠳᠠᠪᠤᠷᠢ᠂ ᠬᠥᠮᠥᠷᠭᠡ ᠶᠢᠨ | ᠬᠠᠳᠠᠭᠠᠯᠠᠮᠵᠢ ᠶᠢ ᠬᠡᠷᠡᠭᠯᠡᠵᠦ᠂ ᠲᠦᠭᠰᠢᠭᠦᠷᠢ ᠶᠢ ᠰᠡᠷᠭᠡᠶᠢᠯᠡᠨ᠂ ᠥᠪᠡᠷ ᠤᠨ ᠥᠷᠲᠡᠭ ᠢ ᠪᠠᠭᠤᠷᠠᠭᠤᠯᠵᠤ᠂ | ᠬᠠᠩᠭᠠᠯᠭ᠎ᠠ ᠶᠢ ᠦᠷᠭᠡᠳᠭᠡᠨ᠂ ᠪᠦᠭᠦ ᠬᠤᠰᠢᠭᠤᠨ ᠤ ᠠᠵᠤ ᠠᠬᠤᠢ ᠶᠢᠨ ᠯᠠᠪᠳᠠᠭᠤᠨ ᠢᠶᠠᠷ ᠦᠷᠭᠦᠯᠵᠢᠯᠡᠨ | ᠬᠥᠭᠵᠢᠬᠦ ᠶᠢ ᠲᠦᠯᠬᠢᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠦᠷᠢᠮ ᠤᠨ | ᠥᠭᠡᠷᠡᠴᠢᠯᠡᠯᠲᠡ ᠶᠢ ᠲᠦᠷᠭᠡᠳᠭᠡᠨ ᠠᠬᠢᠭᠤᠯᠵᠥ᠂ ᠥᠪᠡᠷᠲᠡᠭᠡᠨ ᠵᠠᠰᠠᠬᠤ ᠣᠷᠣᠨ᠂ ᠠᠶᠢᠮᠠᠭ ᠠᠴᠠ ᠪᠠᠭᠤᠯᠭᠠᠭᠰᠠᠨ | ᠬᠢᠨᠠᠨ ᠵᠥᠪᠰᠢᠶᠡᠷᠡᠬᠦ ᠵᠦᠢᠯ ᠢ ᠭᠦᠯᠢᠶᠠᠨ ᠠᠪᠬᠤ ᠪᠠ ᠬᠤᠰᠢᠭᠤ ᠱᠠᠲᠤᠨ ᠤ ᠬᠢᠨᠠᠨ ᠵᠥᠪᠰᠢᠶᠡᠷᠡᠬᠦ ᠡᠷᠬᠡ ᠶᠢ | ᠳᠣᠷᠣᠭᠰᠢ ᠪᠠᠭᠤᠯᠭᠠᠬᠤ ᠶᠢ ᠰᠠᠶᠢᠲᠤᠷ ᠠᠳᠬᠤᠵᠤ᠂ ᠵᠠᠰᠠᠭ ᠵᠠᠬᠢᠷᠭᠠᠨ ᠤ ᠬᠢᠨᠠᠨ ᠪᠠᠲᠤᠯᠠᠬᠤ ᠵᠦᠢᠯᠡᠰ ᠢ ᠪᠦᠭᠦ | ᠲᠠᠯ᠎ᠠ ᠪᠠᠷ ᠴᠡᠭᠴᠡᠯᠡᠨ ᠳᠦᠷᠢᠮᠵᠢᠭᠦᠯᠵᠦ᠂ ᠵᠠᠰᠠᠭ ᠤᠨ ᠶᠠᠪᠦᠳᠠᠯ ᠤᠨ ᠲᠢᠩᠭᠢᠮ᠂ ︽ᠰᠦᠯᠵᠢᠶᠡᠨ ᠳᠡᠭᠡᠷ᠎ᠡ | ᠠᠯᠪᠠᠯᠠᠬᠤ ᠲᠢᠩᠬᠢᠮ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠂ ᠡᠷᠭᠡ ᠬᠠᠷᠢᠭᠤᠴᠠᠯᠭ᠎ᠠ ᠶᠢᠨ | ᠲᠣᠳᠣᠷᠬᠠᠢ ᠳᠠᠩᠰᠠ ᠪᠠ ᠵᠠᠰᠠᠭ ᠵᠠᠬᠢᠷᠭᠠᠨ ᠤ ᠡᠷᠬᠡ ᠡᠭᠦᠷᠭᠡ ᠶᠢᠨ ᠲᠠᠶᠢᠯᠪᠤᠷᠢ ᠵᠢᠷᠤᠭ ᠢ ᠲᠡᠭᠦᠯᠳᠡᠷᠵᠢᠭᠦᠯᠵᠥ᠂ | ᠨᠢᠭᠲᠠᠯᠠᠨ ᠪᠣᠳᠣᠭᠴᠢ ᠶᠢ ᠲᠥᠪᠯᠡᠷᠡᠭᠦᠯᠵᠦ ᠬᠠᠷᠭᠤᠭᠤᠯᠤᠨ ᠪᠣᠳᠣᠬᠤ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠪᠡᠯᠡ | ᠣᠷᠣᠭᠤᠯᠬᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠰᠢᠨᠡᠳᠬᠡᠵᠦ᠂ ᠤᠯᠤᠰ ᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢᠨ ᠥᠭᠡᠷᠡᠴᠢᠯᠡᠯᠲᠡ ᠭᠦᠨᠵᠡᠭᠡᠶᠢᠷᠡᠭᠦ ᠲᠣᠬᠢᠶᠠᠯ ᠢ ᠠᠳᠬᠤᠵᠤ᠂ ᠵᠠᠰᠠᠭ ᠤᠨ ᠣᠷᠳᠣᠨ ᠪᠣᠯᠣᠨ | ᠨᠡᠶᠢᠭᠡᠮ ᠤᠨ ᠪᠡᠯᠡ ᠮᠥᠩᠭᠦ ᠬᠠᠮᠲᠤᠷᠠᠯᠴᠠᠬᠤ ᠬᠡᠯᠪᠡᠷᠢ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠪᠡᠯᠡ | ᠣᠷᠣᠭᠤᠯᠬᠤ ᠰᠠᠭᠤᠷᠢ ᠮᠥᠩᠭᠦ᠂ ᠣᠨᠴᠠ ᠡᠷᠬᠡ ᠶᠢᠨ ᠡᠵᠡᠩᠨᠡᠯᠲᠡ᠂ ᠨᠡᠶᠢᠲᠡ ᠶᠢᠨ ᠦᠢᠯᠡᠴᠢᠯᠡᠭᠡ ᠶᠢ ᠬᠤᠳᠠᠯᠳᠤᠨ | ᠠᠪᠬᠤ ᠵᠡᠷᠭᠡ ᠠᠷᠭ᠎ᠠ ᠬᠡᠯᠪᠡᠷᠢ ᠪᠠᠷ ᠳᠠᠮᠵᠢᠨ ᠨᠡᠶᠢᠭᠡᠮ ᠤᠨ ᠪᠡᠯᠡ ᠮᠥᠩᠭᠦ ᠨᠢ ᠨᠡᠶᠢᠭᠡᠮ ᠤᠨ ᠬᠥᠭᠵᠢᠯᠲᠡ᠂ | ᠨᠡᠶᠢᠲᠡ ᠶᠢᠨ ᠦᠢᠯᠡᠴᠢᠯᠡᠭᠡ ᠵᠡᠷᠭᠡ ᠬᠦᠷᠢᠶ᠎ᠡ ᠴᠠᠷ᠎ᠠ ᠶᠢᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ᠂ | ᠤᠯᠤᠰ ᠤᠨ ᠡᠳ᠋ ᠬᠥᠷᠥᠩᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯᠲᠦ ᠠᠵᠤ | ᠠᠬᠤᠶᠢᠯᠠᠯ ᠨᠡᠶᠢᠲᠡ ᠶᠢᠨ ᠦᠢᠯᠡᠴᠢᠯᠡᠭᠡᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠶᠢ ᠳᠡᠮᠵᠢᠵᠦ᠂ ᠠᠵᠤ | ᠠᠬᠤᠶᠢᠯᠠᠯ ᠤᠨ ᠤᠯᠤᠰ ᠤᠨ ᠡᠳ᠋ ᠬᠥᠷᠥᠩᠭᠡ ᠳᠤ ᠬᠢᠨᠠᠯᠲᠠ ᠲᠠᠯᠪᠢᠬᠤ ᠠᠷᠭ᠎ᠠ ᠭᠡᠯᠪᠠᠷᠢ ᠶᠢ ᠴᠢᠩᠭᠠᠳᠬᠠᠬᠤ ᠪᠠ | ᠥᠭᠡᠷᠡᠴᠢᠯᠡᠵᠦ᠂ ᠤᠯᠤᠰ ᠤᠨᠥᠮᠴᠢᠯᠡᠯᠲᠦ ᠡᠳ᠋ ᠬᠥᠷᠥᠩᠭᠡ ᠠᠯᠳᠠᠭᠳᠠᠬᠤ ᠶᠢ ᠰᠡᠷᠭᠡᠶᠢᠯᠡᠨ᠎ᠡ᠃ | ︵ᠲᠥᠷᠪᠡ︶ ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠶᠢ ᠭᠤᠶᠢᠪᠢᠰᠢ ᠦᠭᠡᠢ ᠠᠳᠬᠤᠵᠤ᠂ ᠬᠤᠲᠠ | ᠬᠥᠳᠡᠭᠡ ᠶᠢᠨ ᠰᠠᠭᠤᠭᠠᠯᠢ ᠠᠷᠠᠳ ᠤᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠤᠨ᠎ᠠ᠃ | ᠬᠤᠲᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠪᠣᠯ ᠬᠤᠳᠠ ᠭᠦᠳᠡᠭᠡ ᠶᠢᠨ ᠵᠤᠬᠢᠴᠠᠩᠭᠤᠢ ᠭᠦᠭᠵᠢᠯᠳᠠ ᠶᠢ | ᠨᠢᠭᠡᠳᠥᠯᠳᠠᠢ ᠲᠦᠯᠦᠪᠵᠢᠭᠦᠯᠵᠥ᠂ ᠬᠤᠰᠢᠭᠤᠨ ᠤ ᠬᠡᠪᠴᠢᠶᠡᠨ ᠤ ᠠᠵᠤ ᠠᠬᠤᠢ ᠶᠢ ᠪᠤᠵᠠᠭᠠᠶᠢᠷᠠᠭᠤᠯᠬᠤ ᠴᠢᠬᠤᠯᠠ | ᠠᠭᠤᠯᠭ᠎ᠠ᠃ ᠪᠢᠳᠠ ᠵᠠᠪᠠᠯ ᠲᠥᠪ ᠬᠤᠲᠠ ᠪᠠᠯᠭᠠᠰᠤᠨ ᠤ ᠰᠢᠨ᠎ᠡ ᠪᠠᠶᠢᠷᠢ ᠲᠤᠭᠳᠠᠭᠠᠯᠳᠠ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠳᠠ ᠭᠦᠳᠡᠭᠡ ᠶᠢᠨ ᠲᠥᠯᠥᠪᠵᠢᠭᠦᠯᠭᠡ᠂ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ | ᠬᠢᠷᠢ ᠲᠥᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠨᠢᠭᠡ ᠪᠦᠯᠦᠭ ᠰᠠᠭᠤᠷᠢᠰᠢᠬᠤ ᠠᠵᠢᠯᠯᠠᠬᠤ | ᠵᠢᠭᠤᠯᠴᠢᠯᠠᠬᠤ ᠳᠤ ᠲᠣᠬᠢᠷᠠᠮᠵᠢᠲᠠᠢ ᠤᠨᠴᠠᠯᠢᠭᠳᠥ ᠵᠢᠵᠢᠭ ᠬᠤᠳᠠ ᠪᠠᠯᠭᠠᠰᠥ ᠶᠢ ᠬᠥᠴᠥᠯᠡᠨ ᠪᠠᠶᠢᠭᠤᠯᠣᠨ᠎ᠠ᠃ | ᠨᠢᠭᠡ ᠳᠤ ᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠪᠥᠬᠦ ᠬᠥᠴᠥ ᠪᠠᠷ ᠰᠠᠶᠢᠳᠣᠷ | ᠠᠳᠬᠤᠨ᠎ᠠ᠃ ︽ᠬᠤᠰᠢᠭᠤ ᠶᠢ ᠬᠤᠳᠠ ᠪᠣᠯᠭᠠᠬᠤ︾ ᠠᠵᠢᠯ ᠢ ᠪᠥᠬᠦ ᠬᠥᠴᠥ ᠪᠠᠷ ᠲᠥᠯᠬᠢᠨ ᠠᠬᠢᠭᠤᠯᠵᠣ᠂ | ᠬᠤᠳᠠ ᠪᠠᠯᠭᠠᠰᠣᠨ ᠤ ᠲᠥᠯᠥᠪᠵᠢᠭᠦᠯᠭᠡ ᠶᠢᠨ ᠲᠣᠭᠲᠠᠯᠴᠠᠭ᠎ᠠ ᠶᠢ ᠳᠡᠭᠡᠭᠰᠢᠯᠡᠭᠦᠯᠬᠦ ᠶᠢ ᠣᠯᠠᠮ ᠨᠢᠭᠡ ᠠᠯᠬᠤᠮ | ᠳᠡᠭᠦᠯᠳᠡᠷᠵᠢᠭᠦᠯᠥᠨ ᠰᠠᠶᠢᠵᠢᠷᠠᠭᠤᠯᠵᠥ᠂ ᠪᠠᠶᠠᠨᠬᠤᠲᠠ ᠶᠢᠨ ᠬᠤᠲᠠ ᠶᠢᠨ ᠵᠠᠮ ᠲᠣᠣᠷ ᠢ ᠵᠠᠰᠠᠨ ᠥᠭᠡᠷᠡᠴᠢᠯᠡᠵᠦ | ᠳᠡᠰ ᠳᠡᠪᠰᠢᠭᠦᠯᠬᠦ᠂ ᠥᠵᠡᠮᠵᠢ ᠶᠢ ᠵᠠᠰᠠᠨ ᠥᠭᠡᠷᠡᠴᠢᠯᠡᠵᠦ ᠳᠡᠰ ᠳᠡᠪᠰᠢᠭᠦᠯᠬᠦ᠂ ᠠᠮᠢ ᠠᠬᠤᠢ ᠶᠢᠨ ᠰᠢᠰᠲ᠋ᠧᠮ ᠢ | ᠵᠠᠰᠠᠨ ᠥᠭᠡᠷᠡᠴᠢᠯᠡᠵᠦ ᠳᠡᠰ ᠳᠡᠪᠰᠢᠭᠦᠯᠬᠦ ᠂ ᠨᠡᠶᠢᠳᠡ ᠶᠢᠨ ᠲᠥᠬᠦᠭᠡᠷᠥᠮᠵᠢ ᠶᠢ ᠢᠵᠢ ᠪᠦᠷᠢᠳᠦᠭᠦᠯᠦᠨ ᠵᠠᠰᠠᠨ | ᠥᠭᠡᠷᠡᠴᠢᠯᠡᠵᠦ ᠳᠡᠰ ᠳᠡᠪᠰᠢᠭᠦᠯᠬᠦ ᠂ ᠪᠥᠷᠬᠡ ᠭᠡᠷ ᠤᠨ ᠣᠷᠣᠨ ᠢ ᠵᠠᠰᠠᠨ ᠥᠭᠡᠷᠡᠴᠢᠯᠡᠬᠦ᠂ ᠬᠤᠯᠠᠳᠠᠬᠢᠨ ᠢ | ᠲᠣᠭᠲᠠᠭᠠᠭᠴᠢ ᠬᠤᠷᠢᠶ᠎ᠠ ᠶᠢᠨ ᠬᠠᠭᠤᠴᠢᠨ ᠬᠤᠳᠠ ᠶᠢ ᠬᠠᠮᠠᠭᠠᠯᠠᠨ ᠵᠠᠰᠠᠬᠤ᠂ ᠠᠳᠠᠯ ᠠᠬᠤᠢ ᠶᠢᠨ | ᠬᠠᠮᠢᠶᠠᠷᠥᠯᠳᠠ ᠶᠢᠨ ᠬᠢᠷᠢ ᠲᠥᠪᠰᠢᠨ ᠢ ᠳᠡᠭᠡᠭᠰᠢᠯᠡᠭᠦᠯᠬᠦ᠂ ︽ᠤᠶᠤᠨᠲᠤ ᠬᠤᠳᠠ ᠶᠢᠨ ᠬᠠᠮᠢᠶᠠᠷᠣᠯᠳᠠ︾ ᠪᠠ ︽ | ᠣᠶᠣᠨᠴᠢ ᠨᠡᠶᠢᠬᠡᠮ ᠲᠣᠭᠤᠷᠢᠭ︾ ᠤᠨ ᠪᠠᠶᠢᠭᠤᠯᠣᠯᠳᠠ ᠵᠡᠷᠭᠡ ︽ᠨᠠᠢᠮᠠᠨ ᠶᠡᠭᠡ ᠢᠨᠵᠧᠨᠧᠷᠢᠩ︾ ᠢ ᠭᠤᠣᠯᠳᠠᠯᠠᠭ᠎ᠠ | ᠲᠠᠢ ᠰᠠᠶᠢᠳᠣᠷ ᠠᠳᠬᠤᠨ᠎ᠡ᠃ ᠪᠠᠶᠠᠨᠬᠤᠳᠠ ᠶᠢᠨ ᠬᠤᠳᠠ ᠶᠢᠨ ᠰᠣᠶᠣᠯ ᠤᠨ ᠠᠭᠤᠯᠬᠤᠨ ᠢ ᠭᠦᠨᠵᠡᠭᠡᠢ | ᠠᠭᠤᠳᠠᠯᠤᠨ ᠂ ᠬᠤᠯᠠᠳᠠᠬᠢᠨ ᠢ ᠲᠣᠭᠲᠠᠭᠠᠭᠴᠢ ᠬᠤᠷᠢᠶ᠎ᠠ ᠶᠢᠨ ᠬᠠᠭᠤᠴᠢᠨ ᠬᠤᠳᠠ ᠶᠢ ᠲᠡᠣᠬᠡ ᠰᠣᠶᠣᠯ ᠤᠨ ᠵᠡᠭᠡᠯᠢ | ᠲᠣᠭᠤᠷᠢᠭ ᠤᠨ ᠲᠥᠷᠥᠯ ᠵᠣᠶᠢᠯ ᠢᠶᠠᠷ ᠭᠤᠶᠤᠴᠢᠯᠠᠨ ᠮᠡᠳᠡᠭᠦᠯᠬᠦ ᠠᠵᠢᠯ ᠢ ᠢᠳᠡᠪᠬᠢᠲᠠᠢ ᠰᠠᠶᠢᠳᠣᠷ ᠬᠢᠵᠣ᠂ | ᠪᠠᠶᠠᠨᠬᠤᠳᠠ ᠶᠢᠨ ᠬᠤᠳᠠ ᠶᠢᠨ ᠲᠥᠷᠢ ᠲᠥᠷᠬᠦ ᠶᠢ ᠲᠠᠰᠣᠷᠠᠯᠳᠠ ᠥᠭᠡᠢ ᠰᠠᠶᠢᠵᠢᠷᠠᠭᠤᠯᠥᠨ᠎ᠠ᠃︽ᠬᠤᠳᠠ ᠶᠢᠨ | ᠨᠠᠷᠢᠯᠢᠭ ᠬᠠᠮᠢᠶᠠᠷᠣᠯᠳᠠ ᠶᠢᠨ ᠣᠨ》 ᠤ ᠠᠵᠢᠯᠯᠠᠭ᠎ᠠ ᠶᠢ ᠭᠦᠨᠵᠡᠭᠡᠢ ᠥᠷᠨᠢᠭᠦᠯᠦᠨ᠂ ᠬᠤᠳᠠ ᠵᠢᠨᠬᠠᠮᠢᠶᠠᠷᠣᠯᠳᠠ | ᠶᠢᠨ ᠪᠠᠶᠢᠭᠤᠯᠤᠮᠵᠢ ᠶᠢ ᠵᠣᠬᠢᠰᠲᠠᠢ ᠪᠣᠯᠭᠠᠵᠤ᠂ ᠬᠤᠳᠠ ᠶᠢᠨ ᠬᠠᠮᠢᠶᠠᠷᠣᠯᠳᠠ ᠶᠢᠨ ᠲᠣᠭᠠᠴᠢᠯᠠᠭᠰᠠᠨ᠂ | ᠣᠶᠤᠨᠴᠢᠯᠠᠭᠰᠠᠨ ᠪᠠᠶᠢᠭᠤᠯᠤᠯᠲᠠ ᠶᠢ ᠲᠦᠷᠭᠡᠳᠬᠡᠵᠦ᠂ ᠮᠡᠳᠡᠭᠡ ᠵᠠᠩᠭᠢ ᠴᠣᠭᠯᠠᠭᠤᠯᠬᠤ ᠰᠢᠰᠲ᠋ᠧᠮ᠂ ᠵᠢᠯᠣᠭᠤᠳᠣᠨ | ᠲᠣᠬᠢᠷᠠᠭᠤᠯᠬᠤ ᠰᠢᠰᠲ᠋ᠧᠮ ᠢᠶᠠᠷ ᠲᠣᠯᠭᠠᠭᠤᠷᠢᠯᠠᠭᠰᠠᠨ ᠬᠤᠳᠠ ᠶᠢᠨ ᠲᠣᠭᠠᠴᠢᠯᠠᠭᠰᠠᠨ ᠲᠠᠪᠴᠠᠩ ᠢ ᠪᠠᠶᠢᠭᠤᠯᠵᠤ᠂ | ᠬᠤᠳᠠ ᠶᠢᠨ ᠬᠠᠮᠢᠶᠠᠷᠣᠯᠳᠠ ᠶᠢᠨ ᠬᠠᠤᠯᠢ ᠬᠡᠷᠡᠭᠵᠢᠭᠦᠯᠬᠦ ᠬᠢᠨᠠᠨ ᠡᠵᠡᠮᠰᠢᠬᠦ ᠰᠢᠰᠲ᠋ᠧᠮ ᠢ ᠪᠠᠶᠢᠭᠤᠯᠤᠨ᠂ ᠬᠤᠳᠠ | ᠶᠢᠨ ᠬᠠᠮᠢᠶᠠᠷᠣᠯᠳᠠ ᠶᠢᠨ ᠭᠡᠰᠡᠭᠴᠢᠯᠡᠭᠦ᠂ ᠣᠶᠤᠨᠴᠢᠯᠠᠬᠤ᠂ ᠬᠥᠮᠦᠯᠢᠭ ᠪᠣᠯᠭᠠᠬᠤ ᠶᠢ ᠲᠥᠯᠬᠢᠨ ᠠᠬᠢᠭᠤᠯᠤᠨ᠎ᠠ᠃ | ᠬᠤᠶᠠᠷ ᠲᠤ ︽ᠠᠷᠪᠠ ᠶᠢ ᠪᠥᠷᠬᠦᠭᠦᠯᠬᠦ 》ᠢᠨᠵᠧᠨᠧᠷᠢᠩ ᠢ ᠪᠥᠬᠦ ᠬᠦᠴᠦ ᠪᠠᠷ ᠲᠦᠯᠬᠢᠨ ᠠᠬᠢᠭᠤᠯᠤᠨ᠎ᠠ᠃ | ᠭᠠᠴᠠᠭ᠎ᠠ ᠲᠣᠰᠬᠤᠨ ᠤ ᠲᠥᠯᠥᠪᠵᠢᠭᠦᠯᠭᠡ ᠪᠠ ᠰᠤᠮᠤ ᠪᠠᠯᠭᠠᠰᠤᠨ ᠤ ᠰᠠᠭᠤᠭ᠎ᠠ ᠭᠠᠵᠠᠷ ᠤᠨ ᠲᠥᠯᠥᠪᠵᠢᠭᠦᠯᠭᠡ | ᠶᠣᠰᠣᠭᠠᠷ᠂ ᠭᠠᠴᠠᠭ᠎ᠠ ᠲᠣᠰᠬᠤᠨ ᠢ ᠨᠡᠶᠢᠯᠡᠭᠦᠯᠵᠦ ᠬᠠᠰᠤᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠥ᠂ ᠬᠢᠯᠢ | ᠬᠢᠵᠠᠭᠠᠷ ᠢ ᠰᠠᠬᠢᠭᠰᠠᠨ ᠮᠠᠯᠴᠢᠨ ᠡᠷᠥᠬᠡ ᠶᠢᠨ ︽ᠠᠷᠪᠠ ᠶᠢ ᠪᠥᠷᠬᠦᠭᠦᠯᠬᠦ︾ ᠠᠵᠢᠯ ᠢ ᠥᠨᠳᠥᠷ ᠪᠠᠷᠢᠮᠵᠢᠶ᠎ᠠ ᠪᠠᠷ | ᠰᠠᠶᠢᠳᠣᠷ ᠬᠢᠵᠣ᠂ ︽ᠬᠤᠰᠢᠭᠤ ᠳᠡᠰ ᠤᠨ ᠣᠳᠣᠷᠢᠳᠬᠤ ᠺᠠᠳ᠋ᠷ ᠳᠠᠭᠠᠭᠠᠴᠢᠯᠠᠨ ᠬᠠᠷᠢᠯᠴᠠᠬᠤ᠂ ᠰᠠᠯᠠᠭ᠎ᠠ ᠮᠥᠴᠢᠷ | ᠬᠠᠪᠰᠣᠷᠣᠨ ᠳᠡᠮᠵᠢᠬᠦ᠂ ᠺᠠᠳ᠋ᠷᠴᠣᠳ ᠲᠣᠰᠬᠤᠨ ᠳᠤ ᠰᠠᠭᠤᠬᠤ︾ᠠᠵᠢᠯ ᠢ ᠠᠬᠢᠭᠤᠯᠬᠤ ᠲᠤᠭᠳᠠᠴᠨ ᠶᠢ ᠣᠯᠠᠮ | ᠨᠢᠭᠡ ᠠᠯᠬᠤᠮ ᠴᠢᠩᠭᠠᠳᠬᠠᠵᠣ᠂ ᠮᠠᠯᠵᠢᠬᠤ ᠲᠠᠷᠢᠶᠠᠯᠠᠬᠤ ᠣᠷᠣᠨ ᠤ ᠨᠣᠷᠠᠬᠤ ᠠᠶᠣᠯᠲᠠᠢ ᠬᠠᠭᠤᠴᠢᠨ ᠭᠡᠷ ᠢ | ᠨᠣᠷᠠᠭᠠᠬᠤ ᠬᠥᠴᠥᠯᠡᠴᠡ ᠪᠠᠨ ᠶᠡᠬᠡᠰᠭᠡᠵᠣ᠂ ᠢᠨᠵᠧᠨᠧᠷᠢᠩ ᠤᠨ ᠴᠢᠨᠠᠷ ᠢ ᠪᠥᠬᠦ ᠶᠠᠪᠣᠴᠠ ᠳᠤ ᠬᠢᠨᠠᠨ ᠬᠠᠮᠢᠶᠠᠷᠬᠤ | ᠪᠠ ᠢᠨᠵᠧᠨᠧᠷᠢᠩ ᠤᠨ ᠠᠬᠢᠴᠠ ᠶᠢ ᠱᠠᠭᠠᠷᠳᠠᠨ ᠪᠠᠶᠢᠴᠠᠭᠠᠬᠤ ᠶᠢ ᠴᠢᠩᠭᠠᠳᠬᠠᠵᠣ᠂ ᠲᠥᠷᠥᠯ ᠵᠣᠶᠢᠯ ᠢ | ᠨᠢᠭᠡᠳᠬᠡᠬᠦ᠂ ᠪᠡᠯᠡ ᠮᠥᠩᠭᠦ ᠬᠤᠷᠠᠮᠳᠤᠭᠤᠯᠬᠤ᠂ ᠢᠨᠵᠧᠨᠧᠷᠢᠩ ᠤᠨ ᠰᠡᠭᠦᠯᠴᠢ ᠶᠢᠨ ᠬᠤᠭᠤᠴᠠᠭᠠᠨ ᠤ | ᠬᠠᠮᠢᠶᠠᠷᠤᠯᠳᠠ ᠬᠠᠮᠠᠭᠠᠯᠠᠯᠳᠠ ᠵᠡᠷᠭᠡ ᠠᠵᠢᠯ ᠢ ᠨᠢᠭᠡᠳᠣᠯᠲᠠᠢ ᠰᠠᠶᠢᠳᠣᠷ ᠬᠢᠵᠣ᠂ ᠵᠢᠯ ᠤᠨ ᠡᠴᠤᠰ ᠠᠴᠠ ᠡᠮᠥᠨ᠎ᠡ | ᠪᠥᠬᠦᠶᠢᠯᠡ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠪᠠ ᠪᠠᠶᠢᠭᠠᠯᠢᠭ ᠲᠣᠰᠬᠤᠨ ᠢ ᠨᠠᠶᠢᠳᠠᠮ ᠪᠦᠷᠭᠦᠭᠦ ᠶᠢ | ᠪᠠᠳᠣᠯᠠᠨ᠎ᠠ᠃ | ︵ ᠲᠠᠪᠤ︶ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠶᠢ ᠭᠤᠶᠢᠪᠢᠰᠢ ᠥᠭᠡᠢ ᠠᠳᠬᠤᠵᠣ᠂ ᠬᠤᠳᠠ | ᠬᠥᠳᠡᠭᠡ ᠶᠢᠨ ᠰᠠᠭᠤᠭᠠᠯᠢ ᠠᠷᠠᠳ ᠤᠨ ᠵᠣᠯ ᠵᠢᠷᠭᠠᠯ ᠢ ᠣᠯᠠᠮ ᠨᠢᠭᠡ ᠠᠯᠬᠤᠮ ᠨᠡᠮᠡᠭᠳᠡᠭᠦᠯᠦᠨ᠎ᠡ ᠃ | ᠠᠷᠠᠳ ᠤᠨ ᠠᠮᠢᠳᠣᠷᠠᠯ ᠢ ᠪᠠᠳᠣᠯᠠᠬᠤ ᠪᠠ ᠰᠠᠶᠢᠵᠢᠷᠠᠭᠤᠯᠬᠤ ᠨᠢ ᠨᠢᠭᠡ ᠲᠥᠷᠥᠯ ᠤᠨ ᠣᠷᠳᠣ ᠬᠤᠭᠤᠴᠠᠭᠠᠨ ᠤ | ᠠᠵᠢᠯ᠂ ᠡᠭᠦᠷᠢᠳᠡ ᠲᠠᠭᠤᠰᠥᠰᠢ ᠦᠭᠡᠢ᠂ ᠵᠥᠪᠬᠡᠨ ᠲᠠᠰᠤᠷᠠᠰᠢ ᠥᠭᠡᠢ ᠰᠢᠨ᠎ᠡ ᠡᠬᠢᠯᠡᠯᠳᠡ ᠲᠠᠢ᠃ ᠪᠢᠳᠠ ᠵᠠᠪᠠᠯ | ︽ᠠᠷᠪᠠᠨ ᠭᠤᠷᠪᠠᠳᠣᠭᠠᠷ ᠲᠠᠪᠣᠨ ᠵᠢᠯ ︾ ᠤᠨ ᠲᠥᠯᠥᠪᠵᠢᠭᠦᠯᠭᠡ ᠳᠤ ᠲᠣᠭᠲᠠᠭᠠᠭᠰᠠᠨ ᠬᠠᠷᠠᠯᠳᠠ ᠤᠨ | ᠲᠣᠭᠤᠷᠢᠨ ᠳᠤ ᠂ ᠠᠷᠠᠳ ᠤᠨ ᠠᠮᠢᠳᠣᠷᠠᠯ ᠤᠨ ᠬᠥᠴᠢᠷ ᠠᠰᠠᠭᠤᠳᠠᠯ ᠢ ᠰᠢᠢᠳᠪᠦᠷᠢᠯᠡᠬᠦ ᠶᠢ ᠲᠦᠷᠭᠡᠳᠬᠡᠵᠦ ᠂ | ᠠᠷᠠᠳ ᠣᠯᠠᠨ ᠤ ᠵᠣᠯ ᠵᠢᠷᠭᠠᠯᠳᠣ ᠰᠡᠳᠬᠢᠯᠭᠡ ᠪᠣᠯᠣᠨ ᠬᠠᠨᠤᠮᠵᠢᠲᠤ ᠰᠡᠳᠬᠢᠯᠭᠡ ᠶᠢ ᠲᠠᠰᠣᠷᠠᠯᠳᠠ ᠥᠭᠡᠢ | ᠨᠡᠮᠡᠭᠳᠡᠭᠦᠯᠭᠦ ᠭᠡᠷᠡᠭᠳᠠᠢ᠃ ᠨᠢᠭᠡ ᠳᠤ ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠢᠨᠵᠧᠨᠧᠷᠢᠩ ᠢ | ᠲᠥᠷᠭᠡᠳᠬᠡᠨ ᠠᠬᠢᠭᠤᠯᠣᠨ᠎ᠠ᠃ ᠶᠠᠳᠠᠭᠤ ᠠᠴᠠ ᠠᠩᠬᠢᠵᠢᠷᠠᠭᠤᠯᠬᠤ ᠶᠢ ᠭᠤᠣᠯ ᠬᠠᠷᠢᠭᠤᠴᠠᠯᠭᠠᠲᠠᠨ ᠡᠭᠦᠷᠭᠡᠯᠡᠬᠦ | ᠲᠥᠷᠢᠮ ᠢ ᠡᠷᠡᠰ ᠴᠢᠩᠭ᠎ᠠ ᠬᠡᠷᠡᠭᠵᠢᠭᠦᠯᠵᠥ᠂ ᠣᠶᠢᠯᠡᠳᠪᠣᠷᠢᠯᠡᠯ ᠢ ᠬᠥᠭᠵᠢᠭᠦᠯᠬᠦ ᠪᠠᠷ ᠨᠢᠭᠡ ᠪᠥᠯᠥᠭ ᠢ ᠶᠠᠳᠠᠭᠤ | ᠠᠴᠠ ᠠᠩᠬᠢᠵᠢᠷᠠᠭᠤᠯᠵᠣ᠂ ᠥᠭᠡᠷ᠎ᠡ ᠭᠠᠵᠠᠷ ᠨᠡᠭᠦᠯᠭᠡᠨ ᠰᠢᠯᠵᠢᠭᠦᠯᠬᠦ ᠪᠠᠷ ᠨᠢᠭᠡ ᠪᠥᠯᠥᠭ ᠢ ᠶᠠᠳᠠᠭᠤ ᠠᠴᠠ | ᠠᠩᠬᠢᠵᠢᠷᠠᠭᠤᠯᠵᠣ᠂ ᠠᠮᠢ ᠠᠬᠤᠢ ᠶᠢᠨ ᠨᠥᠬᠦᠪᠣᠷᠢ ᠣᠯᠭᠤᠬᠤ ᠪᠠᠷ ᠨᠢᠭᠡ ᠪᠥᠯᠥᠭ ᠢ ᠶᠠᠳᠠᠭᠤ ᠠᠴᠠ | ᠠᠩᠬᠢᠵᠢᠷᠠᠭᠤᠯᠵᠣ᠂ ᠰᠣᠷᠭᠠᠨ ᠬᠥᠮᠥᠵᠢᠯ ᠢ ᠭᠥᠭᠵᠢᠭᠦᠯᠬᠦ ᠪᠠᠷ ᠨᠢᠭᠡ ᠪᠥᠯᠥᠭ ᠢ ᠶᠠᠳᠠᠭᠤ ᠠᠴᠠ | ᠠᠩᠬᠢᠵᠢᠷᠠᠭᠤᠯᠵᠣ᠂ ᠨᠡᠶᠢᠬᠡᠮ ᠤᠨ ᠪᠠᠳᠣᠯᠠᠭ᠎ᠠ ᠪᠠᠷ ᠨᠢᠭᠡ ᠪᠥᠯᠥᠭ ᠶᠠᠳᠠᠭᠤ ᠠᠴᠠ ᠠᠩᠭᠢᠵᠢᠷᠠᠭᠤᠯᠬᠤ ︽ᠲᠠᠪᠣᠨ | ᠨᠢᠭᠡ ᠪᠥᠯᠥᠭ》ᠢᠨᠵᠧᠨᠧᠷᠢᠩ ᠤᠨ ᠱᠠᠭᠠᠷᠳᠠᠯᠭ᠎ᠠ ᠶᠣᠰᠣᠭᠠᠷ᠂ ᠪᠣᠳᠠᠲᠠᠢ ᠪᠠᠶᠢᠳᠠᠯ ᠲᠠᠢ ᠪᠠᠨ ᠣᠶᠠᠯᠳᠣᠭᠤᠯᠵᠣ | ᠶᠠᠳᠠᠭᠤ ᠠᠴᠠ ᠠᠩᠬᠢᠵᠢᠷᠠᠭᠤᠯᠬᠤ ᠲᠥᠯᠥᠪᠵᠢᠭᠦᠯᠭᠡ ᠪᠠ ᠵᠢᠯ ᠤᠨ ᠶᠠᠳᠠᠭᠤ ᠶᠢ ᠪᠠᠭᠠᠰᠭᠠᠬᠤ ᠲᠥᠯᠥᠪᠯᠡᠭᠡ ᠶᠢ | ᠲᠣᠭᠲᠠᠭᠠᠵᠣ᠂ ᠪᠣᠳᠠᠲᠠᠢ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠲᠥᠷᠥᠯ ᠬᠤᠪᠢᠶᠠᠨ ᠰᠣᠳᠣᠯᠣᠨ | ᠲᠣᠭᠲᠠᠭᠠᠵᠣ᠂ ᠵᠣᠬᠢᠶᠠᠨ ᠪᠠᠶᠢᠭᠤᠯᠥᠨ ᠬᠡᠷᠡᠭᠵᠢᠭᠦᠯᠬᠦ ᠶᠢ ᠪᠥᠬᠦ ᠲᠠᠯ᠎ᠠ ᠪᠠᠷ ᠰᠠᠶᠢᠳᠣᠷ ᠠᠳᠬᠤᠨ᠎ᠠ᠃ ᠭᠡᠷᠡᠯ | ᠴᠠᠬᠢᠯᠭᠠᠨ ᠢᠶᠠᠷ ᠶᠠᠳᠠᠭᠤ ᠶᠢ ᠳᠡᠳᠬᠦᠬᠦ᠂ ᠵᠢᠭᠤᠯᠴᠢᠯᠠᠯ ᠢᠶᠠᠷ ᠶᠠᠳᠠᠭᠤ ᠶᠢ ᠳᠡᠳᠬᠦᠬᠦ᠂ ᠡᠯᠧᠺᠲᠷᠣᠨ | ᠬᠤᠳᠠᠯᠳᠤᠭ᠎ᠠ ᠪᠠᠷ ᠶᠠᠳᠠᠭᠤ ᠶᠢ ᠳᠡᠳᠬᠦᠬᠦ ᠵᠡᠷᠭᠡ ᠬᠡᠯᠪᠡᠷᠢ ᠶᠢ ᠢᠳᠡᠪᠬᠢᠲᠠᠢ ᠰᠥᠪᠡᠭᠴᠢᠯᠡᠵᠥ᠂ ᠶᠠᠳᠠᠭᠤ | ᠬᠥᠴᠢᠷᠳᠡᠯ ᠲᠠᠢ ᠭᠠᠴᠠᠭ᠎ᠠ ᠲᠣᠰᠬᠤᠨ ᠲᠤᠰ ᠲᠤᠰ ᠤᠨ ᠣᠨᠴᠠᠯᠢᠭᠳᠣ ᠭᠤᠣᠯᠯᠠᠭᠴᠢ ᠠᠵᠣ ᠣᠶᠢᠯᠡᠰ | ᠬᠥᠭᠵᠢᠭᠦᠯᠬᠦ ᠶᠢ ᠵᠣᠷᠢᠭᠵᠢᠭᠤᠯᠵᠣ᠂ ︽ᠬᠡᠨ ᠢ ᠳᠡᠳᠬᠦᠬᠦ 》︽ ᠬᠡᠨ ᠳᠡᠳᠬᠦᠬᠦ 》︽ᠬᠡᠷᠬᠢᠨ ᠳᠡᠳᠬᠦᠬᠦ》︽ | ᠬᠡᠷᠬᠢᠨ ᠪᠣᠴᠠᠭᠠᠬᠤ︾ ᠠᠰᠠᠭᠤᠳᠠᠯ ᠢ ᠨᠢᠭᠡᠳᠣᠯᠲᠠᠢ ᠰᠠᠶᠢᠳᠣᠷ ᠰᠢᠢᠳᠪᠣᠷᠢᠯᠡᠨ᠎ᠡ᠃ ᠬᠤᠶᠠᠷ ᠲᠤ ᠨᠡᠶᠢᠬᠡᠮ ᠤᠨ | ᠣᠶᠢᠯᠡᠰ ᠤᠨ ᠬᠥᠭᠵᠢᠯᠳᠡ ᠶᠢ ᠨᠢᠭᠡᠳᠣᠯᠲᠠᠢ ᠲᠥᠯᠬᠢᠨ ᠠᠬᠢᠭᠤᠯᠣᠨ᠎ᠠ᠃ ᠠᠵᠢᠯ ᠣᠯᠭᠤᠬᠤ ᠠᠳᠠᠯ ᠪᠣᠰᠬᠠᠬᠤ | ᠲᠥᠷᠥ ᠶᠢᠨ ᠪᠣᠳᠣᠯᠭ᠎ᠠ ᠶᠢ ᠢᠳᠡᠪᠬᠢᠲᠠᠢ ᠪᠠᠷ ᠬᠡᠷᠡᠭᠵᠢᠭᠦᠯᠵᠥ᠂ ᠠᠳᠠᠯ ᠪᠣᠰᠬᠠᠬᠤ ᠪᠠᠳᠤᠯᠭᠠᠳᠥ ᠣᠷᠴᠢᠨ | ᠲᠣᠭᠤᠷᠢᠨ ᠢ ᠰᠢᠯᠢᠳᠡᠭᠵᠢᠭᠦᠯᠬᠦ ᠂ ᠠᠳᠠᠯ ᠪᠣᠰᠬᠠᠬᠤ ᠵᠢᠭᠡᠯᠡᠯᠭᠡ ᠶᠢᠨ ᠬᠡᠪᠴᠢᠶ᠎ᠡ ᠶᠢ ᠥᠷᠭᠡᠳᠭᠡᠬᠦ᠂ ᠠᠵᠢᠯ | ᠣᠯᠭᠤᠵᠣ ᠠᠳᠠᠯ ᠪᠣᠰᠬᠠᠬᠤ ᠪᠣᠯᠪᠠᠰᠷᠠᠯ ᠢ ᠴᠢᠩᠭᠠᠳᠬᠠᠬᠤ ᠵᠡᠷᠭᠡ ᠠᠷᠭ᠎ᠠ ᠠᠪᠴᠠᠯ ᠢᠶᠠᠷ ᠳᠠᠮᠵᠢᠨ᠂ ᠬᠤᠳᠠ | ᠣᠷᠣᠭᠰᠠᠨ ᠮᠠᠯᠴᠢᠨ ᠲᠠᠷᠢᠶᠠᠴᠢᠨ᠂ ᠣᠶᠤᠲᠠᠳ ᠪᠠ ᠴᠡᠷᠢᠭ ᠠᠴᠠ ᠬᠠᠯᠠᠭᠳᠠᠭᠰᠠᠳ ᠤᠨ ᠣᠯᠠᠨ ᠠᠷᠭ᠎ᠠ ᠵᠠᠮ | ᠢᠶᠠᠷ ᠠᠳᠠᠯ ᠪᠣᠰᠬᠠᠨ ᠠᠵᠢᠯ ᠣᠯᠬᠤ ᠶᠢ ᠵᠣᠷᠢᠭᠵᠢᠭᠤᠯᠣᠨ ᠳᠠᠭᠠᠭᠤᠯᠤᠨ᠎ᠠ᠃ ᠨᠡᠶᠢᠬᠡᠮ ᠤᠨ ᠪᠠᠳᠣᠯᠭᠠᠨ ᠤ | ᠲᠣᠭᠲᠠᠴᠠ ᠪᠠ ᠨᠡᠶᠢᠬᠡᠮ ᠤᠨ ᠠᠪᠣᠷᠠᠨ ᠲᠣᠰᠠᠯᠠᠬᠤ ᠲᠣᠭᠲᠠᠯᠴᠠᠭ᠎ᠠ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠤ᠂ | ᠨᠡᠶᠢᠬᠡᠮ ᠤᠨ ᠳᠠᠭᠠᠳᠬᠠᠯ ᠤᠨ ᠪᠥᠷᠬᠦᠴᠡ ᠶᠢ ᠲᠠᠰᠣᠷᠠᠯᠳᠠ ᠥᠭᠡᠢ ᠥᠷᠭᠡᠳᠬᠡᠵᠥ᠂ ᠨᠠᠰᠤᠲᠠᠶᠢᠴᠤᠳ ᠢ ᠠᠰᠠᠷᠠᠨ | ᠬᠠᠮᠠᠭᠠᠯᠠᠬᠤ ᠲᠥᠪ ᠤᠨ ᠪᠠᠶᠢᠭᠤᠯᠣᠯᠳᠠ ᠶᠢ ᠲᠥᠷᠭᠡᠳᠬᠡᠵᠥ᠂ ︽ᠡᠮ ᠡᠮᠨᠡᠯᠭᠡ ᠠᠰᠠᠷᠠᠨ ᠬᠠᠷᠭᠠᠯᠵᠠᠬᠤ ᠶᠢ | ᠣᠶᠠᠯᠳᠣᠭᠤᠯᠬᠤ︾᠂ ︽ᠵᠣᠯ ᠵᠢᠷᠭᠠᠯᠳᠣ ᠬᠥᠷᠢᠶᠡᠯᠡᠩ 》 ᠤᠨ ᠨᠠᠰᠤᠲᠠᠶᠢᠴᠤᠳ ᠢ ᠠᠰᠠᠷᠠᠬᠤ ᠬᠡᠯᠪᠡᠷᠢ ᠶᠢ | ᠢᠳᠡᠪᠬᠢᠲᠠᠢ ᠲᠦᠭᠡᠮᠡᠯᠵᠢᠭᠦᠯᠦᠨ ᠂ ᠨᠡᠶᠢᠬᠡᠮ ᠤᠨ ᠬᠦᠴᠥᠨ ᠠᠴᠠ ᠨᠠᠰᠣᠲᠠᠶᠢᠴᠣᠳ ᠤᠨ ᠠᠰᠠᠷᠠᠮᠵᠢ ᠶᠢᠨ | ᠪᠠᠶᠢᠭᠤᠯᠣᠮᠵᠢ ᠪᠠᠶᠢᠭᠤᠯᠬᠤ ᠶᠢ ᠳᠡᠮᠵᠢᠨ᠎ᠡ᠃ ᠬᠤᠳᠠ ᠬᠥᠳᠡᠭᠡ ᠶᠢᠨ ᠰᠣᠷᠭᠠᠨ ᠬᠥᠮᠥᠵᠢᠯ ᠤᠨ ᠡᠬᠢ ᠰᠣᠷᠪᠣᠯᠵᠢ | ᠶᠢᠨ ᠪᠠᠶᠢᠷᠢᠰᠢᠯ ᠢ ᠣᠯᠠᠮ ᠨᠢᠭᠡ ᠠᠯᠬᠤᠮ ᠰᠢᠯᠢᠳᠡᠭᠵᠢᠭᠦᠯᠵᠥ᠂ ᠠᠯᠪᠠᠨ ᠠᠴᠠ ᠡᠷᠬᠢᠯᠡᠭᠰᠡᠨ ᠬᠡᠦᠬᠡᠳ ᠤᠨ | ᠴᠡᠴᠡᠷᠯᠢᠭ ᠢ ᠪᠠᠶᠢᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠰᠣᠷᠭᠠᠨ ᠬᠥᠮᠥᠵᠢᠯ ᠤᠨ ᠵᠢᠭᠠᠨ ᠰᠣᠷᠭᠠᠬᠤ | ᠨᠥᠭᠦᠴᠡᠯ ᠢ ᠶᠡᠬᠡᠪᠠᠷ ᠰᠠᠶᠢᠵᠢᠷᠠᠭᠤᠯᠵᠣ᠂ ᠡᠯ᠎ᠡ ᠱᠠᠳᠣᠨ ᠤ ᠡᠯ᠎ᠡ ᠲᠥᠷᠥᠯ ᠤᠨ ᠰᠤᠷᠭᠠᠨ ᠭᠦᠮᠥᠵᠢᠯ | ᠲᠡᠩᠴᠡᠭᠦᠷᠢᠳᠠᠢ ᠬᠥᠭᠵᠢᠬᠦ ᠶᠢ ᠪᠡᠶᠡᠯᠡᠭᠦᠯᠥᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠳᠡ ᠪᠠ ᠬᠢᠳᠠᠳ ᠮᠣᠩᠭᠤᠯ ᠡᠮᠨᠡᠯᠭᠡ ᠶᠢᠨ ᠬᠤᠷᠢᠶᠠᠨ ᠤ︽ᠡᠮ ᠡᠮᠨᠡᠯᠭᠡ ᠠᠰᠠᠷᠠᠨ ᠬᠠᠷᠭᠠᠯᠵᠠᠬᠤ ᠶᠢ | ᠣᠶᠠᠯᠳᠣᠭᠤᠯᠬᠤ》ᠲᠣᠷᠰᠢᠯᠳᠠ ᠶᠢᠨ ᠴᠡᠭ ᠤᠨ ᠠᠵᠢᠯ ᠢ ᠲᠥᠷᠭᠡᠳᠬᠡᠨ ᠠᠬᠢᠭᠤᠯᠵᠣ᠂ ᠡᠮ ᠡᠮᠨᠡᠯᠭᠡ ᠡᠷᠡᠭᠦᠯ | ᠬᠠᠮᠠᠭᠠᠯᠠᠯ ᠤᠨ ᠰᠣᠷᠠᠭ ᠵᠠᠩᠬᠢᠴᠢᠯᠠᠯᠳᠠ ᠶᠢᠨ ᠪᠠᠶᠢᠭᠤᠯᠣᠯᠳᠠ ᠶᠢ ᠪᠥᠬᠦ ᠲᠠᠯ᠎ᠠ ᠪᠠᠷ ᠠᠬᠢᠭᠤᠯᠵᠣ᠂ ᠥᠨᠳᠥᠰᠥᠨ | ᠱᠠᠳᠣᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠳᠡᠰ ᠲᠥᠷᠥᠯ ᠬᠤᠪᠢᠶᠠᠨ ᠬᠠᠮᠢᠶᠠᠷᠬᠤ ᠶᠢ | ᠳᠡᠯᠭᠡᠷᠡᠭᠦᠯᠵᠥ᠂ ᠭᠤᠷᠪᠠᠨ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠣᠷᠢᠳᠴᠢᠯᠠᠨ ᠰᠡᠷᠭᠡᠶᠢᠯᠡᠭᠦ ᠡᠷᠡᠭᠦᠯᠵᠢᠯ | ᠤᠨ ᠦᠢᠯᠡᠴᠢᠯᠡᠭᠡᠨ ᠤ ᠲᠣᠭᠲᠠᠴᠠ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠥ᠂ ᠪᠥᠬᠦ ᠬᠤᠰᠢᠭᠤᠨ ᠤ ᠡᠮ | ᠡᠮᠨᠡᠯᠭᠡ ᠶᠢᠨ ᠣᠶᠢᠯᠡᠴᠢᠯᠡᠭᠡᠨ ᠤ ᠴᠢᠨᠠᠷ ᠴᠢᠨᠰᠠᠭ᠎ᠠ ᠬᠢᠷᠢ ᠲᠥᠪᠰᠢᠨ ᠢ ᠥᠨᠡᠨᠬᠦ ᠳᠡᠭᠡᠭᠰᠢᠯᠡᠭᠦᠯᠥᠨ᠎ᠡ ᠃ ︽ | ᠬᠤᠶᠠᠳᠤᠭᠠᠷ ᠭᠡᠤᠭᠡᠳ ᠠᠪᠴᠥ ᠪᠤᠯᠬᠤ ︾ᠪᠦᠭᠦ ᠲᠠᠯ᠎ᠡ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠥ᠂ | ᠬᠥᠮᠥᠨ ᠠᠮᠠ ᠶᠢᠨ ᠣᠷᠳᠣ ᠬᠤᠭᠤᠴᠠᠭ᠎ᠠ ᠪᠠᠷ ᠲᠡᠩᠴᠡᠭᠦᠷᠢᠳᠠᠢ ᠬᠥᠭᠵᠢᠬᠦ ᠶᠢ ᠠᠬᠢᠭᠤᠯᠣᠨ᠎ᠠ᠃ ᠢᠳᠡᠭᠡᠨ ᠤ | ᠵᠦᠢᠯ ᠡᠮ ᠤᠨ ᠵᠦᠢᠯᠡᠰ ᠤᠨ ᠬᠢᠨᠠᠨ ᠬᠠᠮᠢᠶᠠᠷᠥᠯᠳᠠ ᠶᠢᠨ ᠲᠣᠭᠲᠠᠴᠠ ᠶᠢᠨ ᠪᠠᠶᠢᠭᠤᠯᠤᠯᠲᠠ ᠶᠢ | ᠭᠥᠨᠵᠡᠭᠡᠶᠢᠷᠡᠭᠦᠯᠵᠥ᠂ ᠢᠳᠡᠭᠡᠨ ᠤ ᠵᠦᠢᠯ ᠤᠨ ᠠᠮᠣᠷ ᠲᠥᠪᠰᠢᠨ ᠤ ᠴᠢᠨᠠᠷ ᠴᠢᠨᠰᠠᠭᠠᠨ ᠤ ᠬᠠᠮᠢᠶᠠᠷᠣᠯᠳᠠ ᠶᠢ | ᠴᠢᠩᠭᠠᠳᠬᠠᠵᠣ᠂ ᠠᠷᠠᠳ ᠣᠯᠠᠨ ᠤ ᠬᠡᠷᠡᠭᠯᠡᠭᠡᠨ ᠤ ᠠᠮᠣᠷ ᠲᠥᠪᠰᠢᠨ᠂ ᠡᠷᠡᠭᠦᠯ ᠴᠢᠬᠢᠷᠠᠭ ᠤᠨ ᠠᠮᠣᠷ ᠲᠥᠪᠰᠢᠨ | ᠢ ᠪᠠᠳᠣᠯᠠᠨ᠎ᠠ᠃ ᠨᠡᠶᠢᠬᠡᠮ ᠵᠢᠷᠣᠮ ᠤᠨ ᠭᠤᠣᠯᠯᠠᠭᠴᠢ ᠥᠷᠳᠡᠭ ᠤᠨ ᠥᠵᠡᠯᠳᠡ ᠶᠢᠨ ᠬᠥᠮᠥᠵᠢᠯ ᠢ ᠶᠡᠬᠡᠪᠡᠷ | ᠪᠠᠳᠠᠷᠠᠭᠤᠯᠵᠣ᠂ ᠣᠶᠣᠨ ᠤ ᠪᠣᠯᠪᠠᠰᠣᠨ ᠤ ᠡᠭᠦᠳᠥᠨ ᠪᠠᠶᠢᠭᠤᠯᠣᠯᠳᠠ ᠪᠠ ᠣᠯᠠᠨ ᠲᠥᠮᠡᠨᠴᠢ ᠰᠣᠶᠣᠯ ᠤᠨ | ᠠᠵᠢᠯᠯᠠᠭ᠎ᠠ ᠶᠢ ᠬᠥᠨᠵᠡᠭᠡᠢ ᠥᠷᠨᠢᠭᠦᠯᠵᠥ᠂ ᠥᠭᠡᠷᠡᠴᠢᠯᠡᠯᠳᠠ ᠬᠥᠭᠵᠢᠭᠦᠯᠥᠯᠳᠠ ᠶᠢᠨ ᠬᠥᠴᠥᠷᠬᠡᠭ ᠶᠡᠭᠡ ᠢᠳᠡᠪᠬᠢ | ᠡᠨᠧᠷᠬᠢ ᠶᠢ ᠨᠢᠭᠲᠠᠷᠠᠭᠤᠯᠤᠨ᠎ᠠ᠃ | ︵ ᠵᠢᠷᠭᠤᠭ᠎ᠠ︶ ᠠᠮᠢ ᠠᠬᠤᠢ ᠶᠢᠨ ᠬᠠᠮᠠᠭᠠᠯᠠᠯᠳᠠ ᠶᠢ ᠭᠤᠶᠢᠪᠢᠰᠢ ᠥᠭᠡᠢ ᠠᠳᠬᠤᠵᠣ᠂ ᠠᠮᠢ ᠠᠬᠤᠢ ᠶᠢᠨ | ᠠᠮᠤᠷ ᠲᠦᠪᠰᠢᠨ ᠤ ᠬᠠᠯᠬᠠᠪᠴᠢ ᠶᠢ ᠣᠯᠠᠮ ᠨᠢᠭᠡ ᠠᠯᠬᠤᠮ ᠪᠠᠬᠢᠵᠢᠭᠦᠯᠥᠨ᠎ᠡ᠃ | ᠠᠮᠢ ᠠᠬᠤᠢ ᠵᠢᠨᠣᠷᠴᠢᠨ ᠲᠣᠭᠤᠷᠢᠨ ᠤ ᠬᠠᠮᠠᠭᠠᠯᠠᠯᠳᠠ ᠪᠣᠯ ᠦᠷᠭᠦᠯᠵᠢᠯᠡᠨ ᠬᠥᠭᠵᠢᠬᠦ ᠶᠢ ᠪᠡᠶᠡᠯᠡᠭᠦᠯᠬᠦ ᠵᠠᠶᠢᠯᠠᠰᠢ | ᠥᠭᠡᠢ ᠵᠠᠮ᠂ ᠣᠳᠣ ᠴᠢᠷᠮᠠᠶᠢᠪᠠᠯ ᠡᠭᠦᠷᠢᠳᠡ ᠠᠰᠢᠭ ᠬᠥᠷᠳᠡᠬᠦ ᠣᠶᠢᠯᠡᠰ᠃ ᠪᠢᠳᠠ ᠵᠠᠪᠠᠯ ᠠᠮᠢ ᠠᠬᠤᠢ ᠶᠢᠨ | ᠪᠣᠯᠪᠠᠰᠣᠨ ᠤ ᠣᠶᠢᠯᠭᠠᠭᠳᠠᠬᠤᠨ ᠢ ᠠᠵᠣ ᠠᠬᠤᠢ ᠨᠡᠶᠢᠬᠡᠮ ᠤᠨ ᠬᠥᠭᠵᠢᠯᠳᠡ ᠶᠢᠨ ᠪᠥᠬᠦ ᠶᠠᠪᠣᠴᠠ ᠳᠤ | ᠲᠣᠣᠱᠯᠠᠭᠤᠯᠵᠣ᠂ ᠠᠯᠠᠱᠠ ᠵᠡᠭᠦᠨ ᠬᠤᠰᠢᠭᠤᠨ ᠤ ᠴᠡᠪᠡᠷ ᠴᠡᠩᠭᠡᠭ ᠠᠭᠤᠯᠠ ᠣᠰᠣ ᠶᠢ ᠥᠨᠡᠨᠬᠦ ᠬᠠᠮᠠᠭᠠᠯᠠᠵᠣ᠂ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠥ ᠴᠤᠭᠴᠠᠯᠠᠬᠤ ᠭᠡᠷᠭᠳᠠᠢ᠃ ᠨᠢᠭᠡ ᠳᠤ ᠠᠮᠢ ᠠᠬᠤᠢ | ᠶᠢᠨ ᠬᠠᠮᠠᠭᠠᠯᠠᠯᠳᠠ ᠪᠣᠯᠣᠨ ᠪᠦᠳᠦᠭᠡᠨ ᠪᠠᠶᠢᠭᠤᠯᠣᠯᠳᠠ ᠶᠢ ᠥᠷᠭᠦᠯᠵᠢᠯᠡᠨ ᠴᠢᠩᠭᠠᠳᠬᠠᠨ᠎ᠠ᠃ ᠬᠤᠶᠠᠳᠣᠭᠠᠷ | ᠡᠭᠡᠯᠵᠢ ᠶᠢᠨ ᠨᠤᠳᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠳᠤ ᠨᠦᠭᠦᠪᠦᠷᠢ ᠱᠠᠩᠨᠠᠯ ᠣᠯᠭᠤᠬᠤ | ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠪᠡᠯᠴᠢᠭᠡᠷ ᠮᠠᠯ ᠢ ᠲᠡᠩᠴᠡᠭᠦᠷᠢᠲᠠᠢ | ᠪᠠᠶᠢᠯᠭᠠᠬᠤ᠂ ᠮᠠᠯᠵᠢᠬᠤ ᠶᠢ ᠵᠣᠭᠰᠣᠭᠠᠬᠤ ᠡᠭᠡᠯᠵᠢᠯᠡᠨ ᠮᠠᠯᠵᠢᠬᠤ ᠰᠡᠯᠭᠦᠨ ᠮᠠᠯᠵᠢᠬᠤ ᠲᠥᠷᠢᠮ ᠢ ᠴᠢᠩᠭ᠎ᠠ ᠪᠠᠷ | ᠬᠡᠷᠡᠭᠵᠢᠭᠦᠯᠵᠥ᠂ ᠮᠠᠯᠵᠢᠬᠤ ᠶᠢ ᠵᠣᠭᠰᠣᠭᠠᠨ ᠪᠡᠯᠴᠢᠭᠡᠷ ᠢ ᠰᠡᠷᠭᠦᠭᠡᠬᠦ᠂ ᠨᠡᠶᠢᠳᠠ ᠶᠢᠨ ᠠᠰᠢᠭᠳᠥ ᠤᠢ ᠶᠢᠨ | ᠨᠦᠭᠦᠪᠦᠷᠢ ᠂ ᠪᠠᠶᠢᠭᠠᠯᠢᠭ ᠣᠢ ᠶᠢᠨ ᠬᠠᠮᠠᠭᠠᠯᠠᠯᠳᠠ ᠂ ᠭᠤᠷᠪᠠᠨ ᠣᠮᠠᠷᠠᠳᠣ ᠶᠢᠨ ᠬᠠᠯᠬᠠᠪᠴᠢ ᠣᠢ ᠵᠡᠷᠭᠡ | ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠰᠠᠶᠢᠳᠣᠷ ᠵᠣᠬᠢᠶᠠᠨ ᠪᠠᠶᠢᠭᠤᠯᠵᠣ ᠬᠡᠷᠡᠭᠵᠢᠭᠦᠯᠥᠨ᠎ᠡ᠃ | ᠨᠣᠳᠤᠭ ᠪᠡᠯᠴᠢᠭᠡᠷ ᠤᠨ ᠬᠠᠣᠯᠢ ᠬᠡᠷᠡᠭᠵᠢᠭᠦᠯᠥᠯᠳᠡ ᠬᠢᠨᠠᠨ ᠬᠠᠮᠢᠶᠠᠷᠥᠯᠳᠡ ᠶᠢ ᠴᠢᠩᠭᠠᠳᠬᠠᠵᠣ᠂ ᠥᠨᠡᠨᠬᠦ | ᠪᠦᠳᠦᠮᠵᠢᠳᠠᠢ ᠠᠷᠭ᠎ᠠ ᠬᠡᠮᠵᠢᠶ᠎ᠠ ᠠᠪᠴᠣ᠂ ᠬᠤᠯᠠᠭᠠᠢ ᠪᠠᠷ ᠮᠠᠯ ᠮᠠᠯᠵᠢᠬᠤ᠂ ᠬᠡᠳᠣᠷᠡᠭᠦᠯᠥᠨ ᠮᠠᠯᠵᠢᠬᠤ᠂ ᠬᠠᠣᠯᠢ | ᠪᠣᠰᠣ ᠪᠠᠷ ᠭᠠᠵᠠᠷ ᠬᠠᠭᠠᠯᠪᠣᠷᠢᠯᠠᠬᠤ᠂ ᠬᠡᠬᠡᠷ᠎ᠡ ᠶᠢᠨ ᠣᠷᠭᠤᠮᠠᠯ ᠠᠮᠢᠳᠠᠨ ᠢ ᠬᠤᠯᠠᠭᠠᠶᠢᠯᠠᠨ ᠳᠡᠭᠦᠵᠥ ᠠᠩᠨᠠᠬᠤ | ᠵᠡᠷᠭᠡ ᠡᠯ᠎ᠡ ᠲᠥᠷᠥᠯ ᠤᠨ ᠨᠣᠳᠤᠭ ᠪᠡᠯᠴᠢᠭᠡᠷ ᠢ ᠡᠪᠳᠡᠭᠰᠡᠨ ᠶᠠᠯᠠᠳᠣ ᠠᠵᠢᠯᠯᠠᠭ᠎ᠠ ᠳᠤ ᠬᠥᠨᠳᠣ ᠴᠣᠬᠢᠯᠳᠠ ᠥᠭᠴᠥ | ᠂ ᠣᠯᠣᠰ ᠤᠨ ᠣᠮᠠᠷᠠᠳᠣ ᠬᠢᠵᠠᠭᠠᠷ ᠤᠨ ᠠᠮᠢ ᠠᠬᠤᠢ ᠶᠢᠨ ᠬᠠᠯᠬᠠᠪᠴᠢ ᠶᠢᠨ ᠥᠵᠡᠮᠵᠢᠳᠣ ᠤᠷᠥᠨ ᠢ | ᠴᠢᠷᠮᠠᠶᠢᠨ ᠪᠠᠶᠢᠭᠤᠯᠥᠨ᠎ᠠ᠃ ᠬᠤᠶᠠᠷ ᠲᠤ ᠣᠷᠴᠢᠨ ᠲᠣᠭᠤᠷᠢᠨ ᠤ ᠬᠠᠮᠠᠭᠠᠯᠠᠯᠳᠠ ᠶᠢᠨ ᠠᠵᠢᠯ ᠢ ᠴᠢᠩᠭᠠᠳᠬᠠᠨ᠎ᠠ | ᠃ ᠰᠢᠨ᠎ᠡ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠣᠯᠢ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠬᠦ | ᠬᠠᠣᠯᠢ ᠶᠢ ᠬᠢᠨᠠᠮᠠᠭᠠᠢ ᠲᠣᠣᠱᠯᠠᠭᠤᠯᠣᠨ ᠨᠠᠶᠢᠳᠠᠪᠣᠷᠢᠵᠢᠭᠤᠯᠵᠣ᠂ ᠠᠮᠢ ᠠᠬᠤᠢ ᠶᠢᠨ ᠣᠷᠴᠢᠨ ᠲᠣᠭᠤᠷᠢᠨ ᠳᠤ | ᠬᠤᠬᠢᠷᠠᠯ ᠠᠪᠴᠢᠷᠠᠭᠰᠠᠨ ᠬᠠᠷᠢᠭᠤᠴᠠᠯᠭ᠎ᠠ ᠶᠢ ᠨᠠᠰᠣᠨ ᠲᠣᠷᠰᠢᠳᠠ ᠨᠡᠬᠡᠮᠵᠢᠯᠡᠬᠦ ᠲᠥᠷᠢᠮ ᠢ ᠴᠢᠩᠭ᠎ᠠ ᠪᠠᠷ | ᠬᠡᠷᠡᠭᠵᠢᠭᠦᠯᠵᠥ᠂ ᠣᠷᠴᠢᠨ ᠲᠣᠭᠤᠷᠢᠨ ᠤ ᠬᠢᠨᠠᠨ ᠬᠠᠮᠢᠶᠠᠷᠥᠯᠳᠡ ᠶᠢᠨ ᠬᠡᠰᠡᠭᠯᠡᠨ ᠬᠠᠮᠢᠶᠠᠷᠬᠤ ᠬᠠᠮᠢᠶᠠᠷᠥᠯᠳᠡ ᠶᠢᠨ | ᠲᠣᠭᠲᠠᠴᠠ ᠶᠢ ᠢ ᠢᠳᠡᠪᠬᠢᠲᠠᠢ ᠠᠬᠢᠭᠤᠯᠵᠣ᠂ ᠣᠷᠴᠢᠨ ᠲᠣᠭᠤᠷᠢᠨ ᠤ ᠬᠢᠨᠠᠯᠳᠠ ᠬᠠᠮᠢᠶᠠᠷᠣᠯᠳᠠ ︽ᠨᠠᠶᠢᠳᠠᠮ | ᠪᠦᠷᠭᠦᠭᠦ︾ ᠶᠢ ᠪᠡᠶᠡᠯᠡᠭᠦᠯᠥᠨ᠎ᠠ᠃ ᠰᠢᠨᠵᠢᠯᠡᠬᠦ ᠤᠬᠠᠭᠠᠨᠴᠢ ᠭᠦᠭᠵᠢᠯᠳᠠ ᠶᠢᠨ ᠳᠠᠯᠳᠠ ᠭᠡᠮ ᠢ ᠪᠠᠶᠢᠴᠠᠭᠠᠵᠤ | ᠰᠢᠢᠳᠪᠦᠷᠢᠯᠡᠬᠦ ᠣᠨ ᠤ ︽ᠡᠷᠬᠢᠵᠣ ᠬᠠᠷᠠᠬᠤ︾᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ | ᠶᠡᠷᠥᠩᠬᠡᠶᠢᠯᠡᠨ ᠴᠡᠭᠴᠡᠯᠡᠨ ᠵᠠᠰᠠᠬᠤ ᠪᠠ ᠪᠠᠶᠢᠭᠠᠯᠢ ᠶᠢᠨ ᠬᠠᠮᠠᠭᠠᠯᠠᠯᠳᠠ ᠶᠢᠨ ᠣᠷᠣᠨ ᠤ ᠳᠣᠳᠣᠷᠠᠬᠢ ᠪᠥᠲᠥᠭᠡᠨ | ᠪᠠᠶᠢᠭᠤᠯᠣᠯᠳᠠ ᠶᠢᠨ ᠲᠥᠷᠥᠯ ᠵᠣᠶᠢᠯ ᠢ ᠴᠡᠭᠴᠡᠯᠡᠨ ᠲᠥᠷᠢᠮᠵᠢᠭᠦᠯᠬᠦ ᠠᠵᠢᠯ ᠢ ᠭᠥᠨᠵᠡᠭᠡᠢ ᠥᠷᠨᠢᠭᠦᠯᠵᠥ᠂ ︽ᠨᠢᠭᠡ | ᠠᠵᠣ ᠠᠬᠤᠶᠢᠯᠠᠯ ᠨᠢᠭᠡ ᠳᠠᠩᠰᠠ ᠡᠪᠬᠡᠮᠡᠯ ᠲᠠᠢ︾ ᠪᠠᠶᠢᠬᠤ ᠪᠠ ᠵᠠᠰᠠᠨ ᠦᠭᠡᠷᠡᠴᠢᠯᠡᠵᠥ ᠳᠠᠩᠰᠠ ᠠᠴᠠ ᠲᠠᠶᠢᠯᠬᠤ | ᠬᠥᠳᠡᠯᠥᠩᠭᠦᠢ ᠬᠠᠮᠢᠶᠠᠷᠥᠯᠳᠡ ᠶᠢ ᠴᠢᠩᠭ᠎ᠠ ᠪᠠᠷ ᠬᠡᠷᠡᠭᠵᠢᠭᠦᠯᠵᠥ᠂ ᠣᠷᠴᠢᠨ ᠲᠣᠭᠤᠷᠢᠨ ᠤ ᠬᠠᠤᠯᠢ ᠠᠴᠠ | ᠵᠥᠷᠢᠴᠡᠭᠰᠡᠨ ᠠᠵᠢᠯᠯᠠᠭ᠎ᠠ ᠶᠢ ᠨᠢᠭᠳᠠ ᠴᠢᠩᠭ᠎ᠠ ᠰᠠᠷᠭᠡᠶᠢᠯᠡᠨ ᠡᠵᠡᠮᠳᠡᠬᠦ ᠪᠠ ᠬᠥᠨᠳᠣ ᠴᠢᠩᠭ᠎ᠠ ᠴᠣᠬᠢᠯᠳᠠ ᠥᠭᠴᠥ᠂ | ᠲᠤᠰ ᠵᠢᠯ ᠤᠨ ᠡᠯ᠎ᠡ ᠲᠥᠷᠥᠯ ᠤᠨ ᠡᠨᠧᠷᠬᠢ ᠠᠷᠪᠢᠯᠠᠵᠤ ᠪᠣᠬᠢᠷᠲᠤᠯ ᠢ ᠪᠠᠭᠠᠰᠬᠠᠬᠤ ᠬᠠᠷᠠᠯᠳᠠ ᠪᠠᠨ ᠪᠥᠬᠦ ᠲᠠᠯ᠎ᠠ | ᠪᠠᠷ ᠪᠡᠶᠡᠯᠡᠭᠦᠯᠥᠨ᠎ᠡ᠃ | ︵ᠲᠣᠯᠤᠭ᠎ᠠ︶ ᠨᠡᠶᠢᠬᠡᠮ ᠤᠨ ᠵᠠᠰᠠᠨ ᠴᠡᠭᠴᠡᠯᠡᠯᠲᠡ ᠶᠢ ᠭᠤᠶᠢᠪᠢᠰᠢ ᠥᠭᠡᠢ ᠠᠳᠬᠤᠵᠣ᠂ ᠣᠮᠠᠷᠠᠳᠣ ᠬᠢᠵᠠᠭᠠᠷ ᠤᠨ | ᠠᠮᠤᠷ ᠲᠦᠪᠰᠢᠨ ᠤ ᠬᠠᠯᠬᠠᠪᠴᠢ ᠶᠢ ᠣᠯᠠᠮ ᠨᠢᠭᠡ ᠠᠯᠬᠤᠮ ᠪᠠᠬᠢᠵᠢᠭᠦᠯᠥᠨ᠎ᠡ᠃ | ᠨᠡᠶᠢᠬᠡᠮ ᠤᠨ ᠵᠠᠰᠠᠯᠳᠠ ᠶᠢᠨ ᠰᠢᠨ᠎ᠡ ᠢ ᠡᠭᠦᠳᠬᠦ ᠨᠢ ᠠᠷᠠᠳ ᠣᠯᠠᠨ ᠠᠮᠥᠷ ᠵᠢᠷᠭᠠᠯᠳᠠᠢ ᠠᠵᠥ ᠲᠥᠷᠥᠵᠥ᠂ | ᠨᠡᠶᠢᠬᠡᠮ ᠠᠮᠣᠷ ᠲᠣᠭᠳᠠᠭᠤᠨ ᠡᠮᠬᠢ ᠳᠢᠭᠯᠢᠮ ᠲᠠᠢ ᠪᠠᠶᠢᠬᠤ ᠶᠢᠨ ᠴᠢᠬᠤᠯᠠ ᠪᠠᠳᠣᠯᠠᠭ᠎ᠠ ᠪᠣᠯᠣᠨ᠎ᠡ᠃ ᠪᠢᠳᠠ | ᠡᠷᠬᠡᠪᠰᠢ ᠲᠤᠰᠢᠶᠠᠯ ᠳᠤ ᠬᠠᠷᠢᠭᠤᠴᠠᠯᠭ᠎ᠠ ᠲᠠᠢ ᠂ ᠲᠤᠰᠢᠶᠠᠯ ᠳᠠᠭᠠᠨ ᠬᠠᠷᠢᠭᠤᠴᠠᠬᠤ᠂ ᠲᠤᠰᠢᠶᠠᠯ ᠤᠨ | ᠬᠠᠷᠢᠭᠤᠴᠠᠯᠭ᠎ᠠ ᠪᠠᠨ ᠬᠦᠢᠴᠡᠳᠬᠡᠬᠦ ᠲᠠᠨᠢᠯᠳᠠ ᠶᠢ ᠪᠠᠳᠥ ᠪᠠᠭᠢ ᠪᠣᠢ ᠪᠣᠯᠭᠠᠵᠣ᠂ ᠦᠨᠳᠦᠰᠦᠨ ᠠᠴᠠ ᠨᠢ | ᠲᠣᠭᠳᠠᠭᠤᠨ ᠢ ᠪᠠᠳᠣᠯᠠᠵᠣ᠂ ᠡᠶ᠎ᠡ ᠵᠣᠬᠢᠴᠠᠩᠭᠤᠢ ᠶᠢ ᠠᠬᠢᠭᠤᠯᠬᠤ ᠭᠡᠷᠡᠭᠳᠠᠢ᠃ ᠨᠢᠭᠡ ᠳᠤ ᠨᠡᠶᠢᠬᠡᠮ ᠤᠨ ᠵᠠᠰᠠᠯᠳᠠ | ᠶᠢᠨ ᠰᠢᠨ᠎ᠡ ᠶᠢ ᠡᠭᠦᠳᠬᠦ ᠶᠢ ᠴᠢᠩᠭᠠᠳᠬᠠᠨ᠎ᠠ᠃ ᠬᠠᠣᠯᠢ ᠪᠠᠷ ᠬᠤᠰᠢᠭᠤ ᠪᠠᠨ ᠵᠠᠰᠠᠬᠤ ᠶᠢ ᠪᠥᠬᠦ ᠲᠠᠯ᠎ᠠ ᠪᠠᠷ | ᠠᠬᠢᠭᠤᠯᠵᠣ᠂ ᠬᠠᠣᠯᠢ ᠴᠠᠭᠠᠵᠠ ᠶᠢᠨ ᠪᠠᠶᠢᠭᠤᠯᠥᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠠᠤᠯᠢ | ᠪᠠᠷ ᠵᠠᠰᠠᠬᠤ ᠵᠠᠰᠠᠭ ᠤᠨ ᠤᠷᠳᠥᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠᠨ ᠳᠡᠰ ᠤᠨ ᠲᠤᠭᠳᠠᠭᠤᠨ ᠢ | ᠬᠠᠮᠠᠭᠠᠯᠠᠬᠤ ᠵᠠᠬᠢᠳᠠᠯ ᠰᠤᠷᠪᠤᠯᠵᠢᠯᠠᠭ᠋ ᠠ ᠶᠢᠨ ᠬᠠᠷᠢᠭᠤᠴᠠᠯᠭ᠎ᠠ ᠶᠢᠨ ᠲᠥᠷᠢᠮ᠂ ᠨᠠᠶᠢᠭᠡᠮ ᠤᠨ ᠲᠤᠭᠳᠠᠭᠤᠨ ᠤ | ᠲᠦᠭᠰᠢᠭᠦᠷᠢ ᠶᠢ ᠦᠨᠡᠯᠡᠬᠦ ᠲᠦᠷᠢᠮ ᠪᠠ ᠲᠣᠭᠲᠠᠭᠤᠨ ᠲᠠᠢ ᠬᠤᠯᠪᠣᠭᠳᠠᠬᠤ ᠳᠠᠯᠳᠠ ᠭᠡᠮ ᠢ ᠪᠠᠶᠢᠴᠠᠭᠠᠨ | ᠰᠢᠢᠳᠪᠦᠷᠢᠯᠡᠬᠦ ᠳᠦᠷᠢᠮ ᠢ ᠣᠯᠠᠮ ᠨᠢᠭᠡ ᠠᠯᠬᠤᠮ ᠲᠡᠭᠦᠯᠳᠡᠷᠵᠢᠭᠦᠯᠦᠨ᠂ ᠣᠳᠣᠷᠢᠳᠬᠤ ᠺᠠᠳ᠋ᠷ ᠠᠴᠠ ᠬᠡᠷᠡᠭ ᠢ | ᠳᠠᠭᠠᠭᠠᠴᠢᠯᠠᠨ ᠬᠠᠷᠢᠭᠤᠴᠠᠬᠤ ᠲᠥᠷᠢᠮ ᠪᠠ ᠣᠳᠣᠷᠢᠳᠬᠤ ᠺᠠᠳ᠋ᠷ ᠵᠠᠬᠢᠳᠠᠯ ᠰᠤᠷᠪᠤᠯᠵᠢᠯᠠᠭ᠎ᠠ ᠶᠢᠨ ᠭᠡᠷᠡᠭ ᠢ | ᠲᠠᠭᠠᠭᠠᠴᠢᠯᠠᠬᠤ᠂ ᠥᠷᠭᠡᠨ ᠢᠶᠠᠷ ᠰᠣᠷᠪᠣᠯᠵᠢᠯᠠᠬᠤ ᠠᠵᠢᠯᠯᠠᠭ᠎ᠠ ᠶᠢ ᠥᠷᠭᠦᠯᠵᠢᠯᠡᠨ ᠥᠷᠨᠢᠭᠦᠯᠵᠥ᠂ ᠵᠥᠷᠢᠴᠠᠯ ᠢ | ᠪᠠᠶᠢᠴᠠᠭᠠᠨ ᠡᠶᠡᠳᠡᠭᠦᠯᠵᠥ ᠰᠢᠢᠳᠪᠣᠷᠢᠯᠡᠬᠦ ᠠᠵᠢᠯ ᠢ ᠭᠥᠨᠵᠡᠭᠡᠢ ᠰᠠᠶᠢᠳᠣᠷ ᠬᠢᠵᠣ᠂ ᠬᠠᠤᠯᠢ ᠵᠠᠷᠭᠤ ᠳᠤ | ᠬᠤᠯᠪᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠵᠠᠷᠭᠤ ᠪᠠ ᠶᠡᠷᠦ ᠶᠢᠨ ᠵᠠᠬᠢᠳᠠᠯ ᠰᠤᠷᠪᠤᠯᠵᠢᠯᠠᠭ᠎ᠠ ᠶᠢᠨ | ᠠᠰᠠᠭᠤᠳᠠᠯ ᠢ ᠰᠠᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠪᠠᠷ ᠬᠡᠷᠡᠭᠵᠢᠭᠦᠯᠵᠥ᠂ ᠠᠷᠠᠳ ᠣᠯᠠᠨ ᠤ ᠵᠥᠢ | ᠶᠣᠰᠣᠨ ᠤ ᠭᠤᠶᠣᠴᠢᠯᠠᠯᠳᠠ ᠳᠤ ᠢᠳᠡᠪᠬᠢᠲᠠᠢ ᠬᠠᠷᠢᠭᠤᠯᠳᠠ ᠦᠭᠴᠥ᠂ ᠡᠶ᠎ᠡ ᠵᠤᠬᠢᠴᠠᠩᠭᠤᠢ ᠬᠦᠴᠥᠨ ᠵᠤᠶᠢᠯ | ᠢ ᠠᠯᠢ ᠪᠤᠯᠬᠤ ᠪᠠᠷ ᠨᠡᠮᠡᠭᠳᠡᠭᠦᠯᠵᠥ ᠂ ᠲᠣᠭᠳᠠᠭᠤᠨ ᠪᠣᠰᠣ ᠭᠦᠴᠥᠨ ᠵᠤᠶᠢᠯ ᠢ ᠠᠯᠢ ᠪᠤᠯᠬᠤ ᠪᠠᠷ ᠠᠷᠢᠯᠭᠠᠨ᠎ᠠ᠃ | ᠬᠤᠶᠠᠷ ᠲᠤ ᠠᠶᠣᠯᠭᠦᠢ ᠣᠶᠢᠯᠡᠳᠪᠣᠷᠢᠯᠡᠯ ᠢ ᠰᠠᠶᠢᠳᠣᠷ ᠠᠳᠬᠤᠨ᠎ᠠ᠃ ︽ᠨᠠᠮ ᠵᠠᠰᠠᠭ ᠠᠳᠠᠯᠢ ᠬᠠᠷᠢᠭᠤᠴᠠᠯᠭ᠎ᠠ | ᠲᠠᠢ᠂ ᠨᠢᠭᠡ ᠠᠵᠢᠯ ᠤᠨ ᠪᠠᠶᠢᠷᠢ ᠬᠤᠤᠰ ᠬᠠᠷᠢᠭᠤᠴᠠᠯᠭ᠎ᠠ ᠲᠠᠢ᠂ ᠵᠡᠷᠭᠡᠪᠡᠷ ᠠᠳᠬᠤᠵᠥ ᠬᠠᠮᠳᠥᠪᠠᠷ ᠬᠠᠮᠢᠶᠠᠷᠬᠤ | 》ᠠᠶᠣᠯᠭᠦᠢ ᠣᠶᠢᠯᠡᠳᠪᠣᠷᠢᠯᠡᠯ ᠤᠨ ᠬᠠᠷᠢᠴᠠᠭᠤᠯᠭ᠎ᠠ ᠶᠢᠨ ᠲᠥᠷᠢᠮ ᠢ ᠴᠢᠩᠭ᠎ᠠ ᠪᠠᠷ ᠬᠡᠷᠡᠭᠵᠢᠭᠦᠯᠵᠥ᠂ ᠠᠵᠣ | ᠠᠬᠤᠶᠢᠯᠠᠯ ᠤᠨ ᠠᠶᠣᠯᠭᠦᠢ ᠣᠶᠢᠯᠡᠳᠪᠣᠷᠢᠯᠡᠯ ᠤᠨ ᠭᠤᠤᠯ ᠴᠤᠭᠴᠨ ᠶᠢᠨ ᠬᠠᠷᠢᠴᠠᠭᠤᠯᠭ᠎ᠠ ᠶᠢ ᠴᠢᠩᠭᠠᠳᠬᠠᠵᠣ᠂ | ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠥᠷᠢᠶ᠎ᠡ ᠬᠡᠪᠴᠢᠶ᠎ᠡ᠂ ᠭᠤᠣᠯᠳᠠᠯᠭ᠎ᠠ ᠲᠠᠢ ᠲᠠᠯᠠᠪᠣᠷ | ᠤᠨ ᠠᠮᠥᠷ ᠲᠥᠪᠰᠢᠨ ᠤ ᠬᠢᠨᠠᠨ ᠬᠠᠮᠢᠶᠠᠷᠣᠯᠳᠠ ᠶᠢ ᠰᠠᠶᠢᠳᠣᠷ ᠠᠳᠬᠤᠵᠣ᠂ ᠠᠮᠣᠷ ᠲᠥᠪᠰᠢᠨ ᠤ ᠠᠷᠬᠠᠭ | ᠭᠡᠮ ᠢ ᠪᠠᠶᠢᠴᠠᠭᠠᠨ ᠢᠯᠡᠷᠡᠭᠦᠯᠵᠦ ᠵᠠᠰᠠᠨ ᠥᠭᠡᠷᠡᠴᠢᠯᠡᠬᠦ ᠶᠢ ᠥᠨᠡᠨᠬᠦ ᠴᠢᠩᠭᠠᠳᠬᠠᠵᠣ᠂ ᠣᠨᠴᠠᠭᠠᠢ ᠬᠥᠨᠳᠣ ᠶᠡᠭᠡ | ᠠᠶᠣᠯᠭᠦᠢ ᠣᠶᠢᠯᠡᠳᠪᠣᠷᠢᠯᠡᠯ ᠤᠨ ᠭᠡᠨᠳᠡᠯ ᠡᠭᠦᠰᠬᠦ ᠶᠢ ᠡᠷᠡᠰ ᠲᠠᠰ ᠬᠤᠷᠢᠭᠯᠠᠨ᠎ᠠ᠃ ᠨᠡᠶᠢᠭᠡᠮ ᠲᠤᠭᠤᠷᠢᠭ ᠤᠨ | ᠬᠡᠰᠡᠭᠯᠠᠨ ᠬᠠᠮᠢᠶᠠᠷᠬᠤ ᠪᠠ ᠶᠡᠷᠥᠩᠬᠡᠶᠢᠯᠡᠨ ᠵᠠᠰᠠᠬᠤ ᠣᠶᠢᠯᠡᠴᠢᠯᠡᠭᠡᠨ ᠤ ᠲᠥᠪ ᠤᠨ ᠪᠠᠶᠢᠭᠤᠯᠣᠯᠳᠠ ᠶᠢ | ᠥᠷᠭᠦᠯᠵᠢᠯᠡᠨ ᠠᠬᠢᠭᠤᠯᠵᠣ᠂ ᠨᠡᠭᠦᠳᠡᠯ ᠬᠥᠮᠥᠨ ᠠᠮᠠ ᠪᠠ ᠣᠨᠴᠠᠭᠠᠢ ᠪᠦᠯᠦᠭ ᠭᠦᠮᠥᠰ ᠤᠨ ᠤᠶᠢᠯᠡᠴᠢᠯᠡᠭᠡ | ᠬᠠᠮᠢᠶᠠᠷᠣᠯᠳᠠ ᠶᠢ ᠴᠢᠩᠭᠠᠳᠬᠠᠨ᠎ᠠ᠃ ᠭᠤᠷᠪᠠ ᠳᠤ ︽ᠠᠮᠤᠭᠤᠯᠠᠩ ᠠᠯᠠᠱᠠ ᠵᠡᠬᠦᠨ ᠬᠤᠰᠢᠭᠤ︾ ᠶᠢᠨ | ᠪᠠᠶᠢᠭᠤᠯᠤᠯᠳᠠ ᠶᠢ ᠴᠢᠩᠭᠠᠳᠬᠠᠨ᠎ᠠ᠃ ᠨᠠᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠰᠢᠬᠦ ᠲᠣᠭᠲᠠᠴᠠ ᠶᠢᠨ | ᠪᠠᠶᠢᠭᠤᠯᠤᠯᠲᠠ ᠶᠢ ᠶᠡᠬᠡᠪᠠᠷ ᠲᠥᠯᠬᠢᠨ ᠠᠬᠢᠭᠤᠯᠵᠣ᠂ ︽ ᠨᠡᠶᠢᠬᠡᠮ ᠲᠣᠭᠤᠷᠢᠭ ᠤᠨ ᠴᠠᠭᠳᠠᠭᠠᠨ ᠤ ᠠᠵᠢᠯ ᠂ | ᠬᠥᠳᠡᠯᠦᠩᠭᠦᠢ ᠴᠠᠭᠳᠠᠭᠠᠨ ᠤ ᠭᠡᠷ᠂ ᠬᠤᠲᠠ ᠶᠢᠨ ᠡᠭᠦᠳᠡᠨ ᠤ ᠠᠮᠤᠷ ᠲᠦᠪᠰᠢᠨ ᠤ ᠪᠠᠶᠢᠴᠠᠭᠠᠯᠲᠠ ᠂ ᠲᠠᠯ᠎ᠠ | ᠨᠤᠲᠤᠭ ᠤᠨ ᠴᠠᠭᠳᠠᠭ᠎ᠠ ᠠᠷᠠᠳ ᠬᠠᠮᠲᠤᠷᠠᠭᠰᠠᠨ ︿ᠳᠤᠭᠤᠶᠢᠯᠠᠩ ﹀᠂ ᠴᠠᠭᠳᠠᠭ᠎ᠠ ᠠᠵᠤ ᠠᠬᠤᠶᠢᠯᠠᠯ ᠬᠠᠮᠳᠥᠷᠠᠨ | ᠭᠦᠳᠡᠯᠥᠯᠴᠡᠭᠦ︾ ᠲᠠᠪᠣᠨ ᠶᠡᠭᠡ ᠴᠠᠭᠳᠠᠭᠠᠨ ᠤ ᠠᠵᠢᠯ ᠤᠨ ᠲᠥᠷᠢᠮ ᠢ ᠨᠠᠶᠢᠳᠠᠪᠣᠷᠢᠵᠢᠭᠤᠯᠵᠣ᠂ ᠳᠣᠳᠣᠭᠠᠳᠣ | ᠶᠢ ᠬᠠᠮᠠᠭᠠᠯᠠᠬᠤ ᠲᠣᠪᠴᠢᠶ᠎ᠠ ᠶᠢᠨ ᠡᠯ᠎ᠡ ᠴᠠᠭᠳᠠᠭᠠᠨ ᠤ ᠲᠥᠷᠥᠯ ᠤᠨ ᠬᠤᠭᠤᠷᠣᠨᠳᠣᠬᠢ ᠪᠠ ᠪᠣᠰᠣᠳ | ᠲᠣᠭᠳᠠᠭᠤᠨ ᠢ ᠬᠠᠮᠠᠭᠠᠯᠠᠬᠤ ᠬᠥᠴᠥᠨ ᠤ ᠬᠠᠮᠵᠢᠯᠴᠠᠨ ᠬᠠᠪᠰᠣᠷᠣᠯᠴᠠᠬᠤ ᠶᠢ ᠴᠢᠩᠭᠠᠠᠳᠬᠠᠵᠣ᠂ ᠰᠢᠨ᠎ᠡ ᠪᠠᠶᠢᠳᠠᠯ | ᠲᠣᠣᠷᠠᠬᠢ ᠵᠢᠵᠢᠭᠦᠷᠯᠡᠬᠦ᠂ ᠠᠮᠣᠷ ᠢ ᠬᠠᠮᠠᠭᠠᠯᠠᠬᠤ ᠪᠣᠯᠣᠨ ᠰᠥᠷᠳᠡᠭᠦᠯᠥᠯ ᠢ ᠡᠰᠡᠷᠭᠦᠴᠡᠭᠦ ᠴᠢᠳᠠᠪᠣᠷᠢ ᠪᠠᠨ | ᠳᠡᠭᠡᠭᠰᠢᠯᠡᠭᠦᠯᠥᠨ᠎ᠡ᠃ ᠠᠮᠣᠷ ᠢ ᠬᠠᠮᠠᠭᠠᠯᠠᠬᠤ ᠪᠠ ᠠᠮᠤᠷ ᠲᠦᠪᠰᠢᠨ ᠤ ᠭᠡᠮ ᠠᠷᠬᠠᠭ ᠢ ᠲᠣᠭᠤᠷᠢᠨ ᠪᠠᠶᠢᠴᠠᠭᠠᠬᠤ᠂ | ᠬᠠᠮᠢᠶᠠᠷᠣᠨ ᠡᠵᠡᠮᠳᠡᠬᠦ ᠬᠥᠴᠥᠯᠡᠴᠠ ᠪᠠᠨ ᠴᠢᠩᠭᠠᠳᠬᠠᠵᠣ᠂ ᠬᠠᠣᠯᠢ ᠠᠴᠠ ᠵᠥᠷᠢᠴᠡᠭᠰᠡᠨ ᠶᠠᠯᠠᠳᠣ ᠠᠵᠢᠯᠯᠠᠭ᠎ᠠ ᠪᠠ | ᠡᠯ᠎ᠡ ᠲᠥᠷᠥᠯ ᠤᠨ ᠭᠠᠮᠰᠢᠭ ᠠᠳᠡᠭᠳᠡᠯ ᠡᠭᠦᠰᠬᠦ ᠶᠢ ᠪᠥᠳᠥᠮᠵᠢᠲᠠᠢ ᠬᠤᠷᠢᠭᠯᠠᠵᠤ ᠂ ᠠᠮᠣᠷ ᠲᠣᠭᠳᠠᠭᠤᠨ ᠨᠡᠶᠢᠬᠡᠮ | ᠤᠨ ᠣᠷᠴᠢᠨ ᠲᠣᠭᠤᠷᠢᠨ ᠢ ᠪᠣᠢ ᠪᠣᠯᠭᠠᠨ᠎ᠠ ᠃ ᠪᠠᠴᠢᠮ ᠢ ᠠᠷᠭᠠᠴᠠᠬᠤ ᠬᠠᠮᠢᠶᠠᠷᠥᠯᠳᠠ ᠶᠢ ᠴᠢᠩᠭᠠᠳᠬᠠᠵᠣ᠂ | ᠨᠡᠶᠢᠬᠡᠮ ᠤᠨ ᠣᠷᠢᠳᠴᠢᠯᠠᠨ ᠰᠡᠷᠡᠮᠵᠢᠯᠡᠭᠦᠯᠬᠦ ᠲᠤᠭᠳᠠᠯᠴᠠᠭ᠎ᠠ ᠪᠠ ᠪᠠᠴᠢᠮ ᠢ ᠠᠷᠭᠠᠴᠠᠬᠤ ᠲᠤᠭᠳᠠᠴᠠ ᠢ | ᠲᠡᠭᠦᠯᠳᠡᠷᠵᠢᠭᠦᠯᠵᠥ᠂ ᠡᠯ᠎ᠡ ᠲᠥᠷᠥᠯ ᠤᠨ ᠭᠡᠨᠡᠳᠳᠡ ᠶᠢᠨ ᠬᠡᠷᠡᠭ ᠢ ᠠᠷᠭᠠᠴᠠᠬᠤ ᠪᠠ ᠨᠡᠶᠢᠳᠡ ᠶᠢᠨ ᠠᠮᠣᠷ | ᠲᠥᠪᠰᠢᠨ ᠢ ᠪᠠᠳᠣᠯᠠᠬᠤ ᠴᠢᠳᠠᠪᠣᠷᠢ ᠪᠠᠨ ᠲᠠᠰᠣᠷᠠᠯᠳᠠ ᠥᠭᠡᠢ ᠳᠡᠭᠡᠭᠰᠢᠯᠡᠭᠦᠯᠦᠨ᠎ᠡ᠃ ︽ᠬᠤᠶᠠᠷ ᠢ ᠬᠥᠷᠢᠶᠡᠯᠡᠬᠦ | 》ᠡᠭᠦᠳᠥᠨ ᠪᠠᠶᠢᠭᠤᠯᠥᠯᠳᠠ ᠶᠢ ᠭᠥᠨᠵᠡᠭᠡᠢ ᠥᠷᠨᠢᠭᠦᠯᠵᠥ ᠂ ᠬᠠᠷᠭᠠᠯᠵᠠᠨ ᠲᠣᠬᠤᠨᠢᠭᠤᠯᠬᠤ ᠠᠵᠢᠯ ᠢ ᠥᠨᠡᠨᠬᠦ | ᠰᠠᠶᠢᠳᠣᠷ ᠬᠢᠵᠣ᠂ ᠴᠡᠷᠢᠭ ᠠᠷᠠᠳ ᠠᠭᠤᠰᠤᠯᠴᠠᠨ ᠬᠥᠭᠵᠢᠬᠦ ᠶᠢ ᠠᠬᠢᠭᠤᠯᠣᠨ᠎ᠠ᠃ | ᠲᠥᠷᠪᠠ᠂ ᠨᠠᠮ ᠤᠨ ᠪᠠᠶᠢᠭᠤᠯᠣᠯᠳᠠ ᠶᠢ ᠪᠥᠬᠦ ᠲᠠᠯ᠎ᠠ ᠪᠠᠷ ᠴᠢᠩᠭᠠᠳᠬᠠᠵᠣ᠂ ᠠᠵᠣ ᠠᠬᠤᠢ ᠨᠡᠶᠢᠬᠡᠮ ᠤᠨ | ᠭᠥᠭᠵᠢᠯᠳᠡ ᠶᠢ ᠲᠠᠶᠢᠴᠢᠯᠡᠨ ᠳᠠᠭᠠᠭᠤᠯᠬᠤ ᠴᠢᠳᠠᠪᠣᠷᠢ ᠪᠠ ᠬᠢᠷᠢ ᠲᠥᠪᠰᠢᠨ ᠢᠶᠠᠨ ᠲᠠᠰᠣᠷᠠᠯᠳᠠ ᠥᠭᠡᠢ | ᠳᠡᠭᠡᠭᠰᠢᠯᠡᠭᠦᠯᠥᠨ᠎ᠡ᠃ | ᠨᠠᠮ ᠤᠨ ᠣᠳᠣᠷᠢᠳᠣᠯᠭ᠎ᠠ ᠶᠢ ᠪᠠᠷᠢᠮᠳᠠᠯᠠᠬᠤ ᠨᠢ᠂ ᠠᠵᠣ ᠠᠬᠤᠢ ᠨᠡᠶᠢᠬᠡᠮ ᠤᠨ ᠡᠯ᠎ᠡ ᠲᠥᠷᠥᠯ ᠤᠨ ᠠᠵᠣ ᠣᠶᠢᠯᠡᠰ | ᠤᠨ ᠭᠥᠭᠵᠢᠯᠳᠡ ᠶᠢᠨ ᠥᠨᠳᠥᠰᠥᠨ ᠣᠯᠣᠰ ᠲᠥᠷᠥ ᠶᠢᠨ ᠪᠠᠳᠣᠯᠠᠭ᠎ᠠ ᠪᠣᠯᠣᠨ᠎ᠠ᠃ ᠪᠢᠳᠠ ᠵᠠᠪᠠᠯ ᠨᠠᠮ ᠢᠶᠠᠨ | ᠬᠠᠮᠢᠶᠠᠷᠥᠨ ᠨᠠᠮ ᠢᠶᠠᠨ ᠵᠠᠰᠠᠬᠤ ᠲᠠᠨᠢᠯᠳᠠ ᠪᠠᠨ ᠴᠢᠩᠭᠠᠳᠬᠠᠵᠣ᠂ ᠴᠢᠩᠭ᠎ᠠ ᠪᠠᠷ ᠨᠠᠮ ᠢᠶᠠᠨ ᠵᠠᠰᠠᠬᠤ ︽1+3︾ | ᠲᠥᠷᠢᠮ ᠤᠨ ᠲᠣᠭᠲᠠᠯᠴᠠᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠨᠠᠮ ᠠᠴᠠ ᠠᠵᠣ ᠠᠬᠤᠢ ᠨᠡᠶᠢᠬᠡᠮ ᠤᠨ | ᠬᠥᠭᠵᠢᠯᠳᠡ ᠶᠢ ᠵᠢᠯᠣᠭᠤᠳᠬᠤ ᠴᠢᠳᠠᠪᠣᠷᠢ ᠪᠠ ᠬᠢᠷᠢ ᠲᠥᠪᠰᠢᠨ ᠢᠶᠠᠨ ᠲᠠᠰᠥᠷᠠᠯᠳᠠ ᠥᠬᠡᠢ ᠳᠡᠭᠡᠭᠰᠢᠯᠡᠭᠦᠯᠵᠥ᠂ | ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ ᠣᠷᠢᠳᠴᠢᠯᠠᠨ ᠪᠡᠶᠡᠯᠡᠭᠦᠯᠬᠦ ᠬᠠᠷᠠᠯᠲᠠ ᠳᠤ ᠡᠷᠡᠰ ᠪᠠᠳᠣ ᠵᠣᠬᠢᠶᠠᠨ | ᠪᠠᠶᠢᠭᠤᠯᠣᠯᠳᠠ ᠶᠢᠨ ᠪᠠᠳᠣᠯᠠᠭ᠎ᠠ ᠶᠢ ᠬᠠᠩᠭᠠᠬᠤ ᠭᠡᠷᠡᠭᠳᠠᠢ᠃ | ︵ ᠨᠢᠭᠡ︶ ᠨᠠᠮ ᠤᠨ ᠣᠳᠣᠷᠢᠳᠣᠯᠭ᠎ᠠ ᠶᠢ ᠪᠠᠷᠢᠮᠳᠠᠯᠠᠵᠣ᠂ ᠬᠥᠭᠵᠢᠯᠳᠡ ᠶᠢ ᠳᠠᠶᠢᠴᠢᠯᠠᠨ ᠳᠠᠭᠠᠭᠤᠯᠬᠤ ᠠᠵᠢᠯ ᠤᠨ | ᠬᠠᠮᠳᠣᠷᠠᠯᠴᠠᠭ᠎ᠠ ᠶᠢ ᠲᠠᠰᠣᠷᠠᠯᠳᠠ ᠥᠭᠡᠢ ᠨᠢᠭᠳᠠᠷᠠᠭᠤᠯᠥᠨᠠ᠃ ᠪᠢᠳᠠ ᠵᠠᠪᠠᠯ ᠬᠥᠭᠵᠢᠯᠳᠡ ᠶᠢᠨ ᠲᠤᠬᠠᠢ ᠲᠠᠨᠢᠯᠳᠡ | ᠪᠠᠨ ᠤᠯᠠᠮ ᠨᠢᠭᠡ ᠠᠯᠬᠤᠮ ᠬᠥᠨᠵᠡᠭᠡᠶᠢᠷᠡᠭᠦᠯᠵᠥ᠂ ᠠᠵᠣ ᠠᠬᠤᠢ ᠶᠢᠨ ᠰᠢᠨ᠎ᠡ ᠬᠡᠪ ᠤᠨ ᠪᠠᠶᠢᠳᠠᠯ ᠳᠤ ᠢᠳᠡᠪᠬᠢᠲᠠᠢ | ᠪᠠᠷ ᠵᠤᠬᠢᠴᠠᠯᠳᠤᠵᠥ᠂ ᠡᠵᠡᠮᠰᠢᠵᠥ᠂ ᠳᠠᠭᠠᠭᠤᠯᠵᠤ᠂ ᠨᠠᠮ ᠠᠴᠠ ᠠᠵᠣ ᠠᠬᠤᠢ ᠨᠡᠶᠢᠬᠡᠮ ᠤᠨ ᠬᠥᠭᠵᠢᠯᠳᠡ ᠶᠢ | ᠵᠢᠯᠣᠭᠤᠳᠬᠤ ᠥᠵᠡᠯᠳᠡ᠂ ᠪᠠᠶᠢᠭᠤᠯᠣᠮᠵᠢ ᠪᠠ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠥ᠂ ᠨᠠᠮ ᠤᠨ ᠴᠢᠭᠯᠡᠯᠳᠡ | ᠶᠢ ᠠᠳᠬᠤᠬᠤ᠂ ᠪᠥᠬᠦ ᠪᠠᠶᠢᠳᠠᠯ ᠢ ᠲᠥᠰᠥᠪᠯᠡᠬᠦ᠂ ᠪᠠᠶᠢᠯᠳᠣᠬᠤ ᠪᠣᠳᠣᠯᠭ᠎ᠠ ᠶᠢ ᠳᠣᠷᠠᠳᠬᠤ᠂ ᠲᠥᠷᠥ ᠶᠢᠨ | ᠪᠣᠳᠣᠯᠭ᠎ᠠ ᠶᠢ ᠲᠣᠭᠲᠠᠭᠠᠬᠤ᠂ ᠥᠭᠡᠷᠡᠴᠢᠯᠡᠯᠳᠡ ᠶᠢ ᠠᠬᠢᠭᠤᠯᠬᠤ ᠴᠢᠳᠠᠪᠣᠷᠢ ᠶᠢ ᠳᠡᠭᠡᠭᠰᠢᠯᠡᠭᠦᠯᠥᠨ᠎ᠡ᠃ ᠬᠤᠰᠢᠭᠤᠨ | ᠤ ᠨᠠᠮ ᠤᠨ ᠬᠤᠷᠢᠶᠠᠨ ᠤ ᠪᠥᠬᠦ ᠲᠠᠯ᠎ᠠ ᠶᠢ ᠡᠵᠡᠮᠳᠠᠵᠥ᠂ ᠡᠯ᠎ᠡ ᠲᠠᠯ᠎ᠠ ᠶᠢ ᠵᠤᠬᠢᠴᠠᠭᠤᠯᠬᠤ ᠤᠳᠤᠷᠢᠳᠤᠯᠭ᠎ᠠ ᠶᠢᠨ | ᠭᠤᠤᠯᠯᠠᠭᠴᠢ ᠦᠢᠯᠡᠳᠦᠯ ᠢ ᠭᠦᠢᠴᠠᠳ ᠪᠠᠳᠠᠷᠠᠭᠤᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠣᠯᠣᠰ ᠲᠥᠷᠥ ᠶᠢᠨ ᠵᠥᠪᠯᠡᠯᠭᠡᠨ ᠤ ᠠᠵᠢᠯ ᠳᠠᠬᠢ ᠨᠠᠮ ᠤᠨ ᠣᠳᠣᠷᠢᠳᠣᠯᠭ᠎ᠠ ᠪᠠᠨ ᠴᠢᠩᠭᠠᠳᠬᠠᠬᠤ ᠪᠠ ᠬᠠᠯᠠᠨ | ᠰᠠᠶᠢᠵᠢᠷᠠᠭᠤᠯᠵᠥ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠣᠯᠢ ᠶᠣᠰᠣᠭᠠᠷ ᠡᠭᠦᠷᠭᠡ ᠪᠠᠨ | ᠭᠥᠢᠴᠡᠳᠭᠡᠵᠣ ᠂ ᠬᠢᠨᠠᠯᠲᠠ ᠲᠠᠯᠪᠢᠬᠤ ᠴᠢᠳᠠᠪᠣᠷᠢ ᠪᠠᠨ ᠴᠢᠩᠭᠠᠳᠬᠠᠬᠤ ᠶᠢ ᠳᠡᠮᠵᠢᠵᠣ᠂ ᠣᠯᠣᠰ ᠲᠥᠷᠥ ᠶᠢᠨ | ᠵᠥᠪᠯᠡᠯᠭᠡᠨ ᠤ ᠲᠥᠷᠢᠮ ᠶᠣᠰᠣᠭᠠᠷ ᠡᠭᠦᠷᠭᠡ ᠪᠠᠨ ᠭᠥᠢᠴᠡᠳᠭᠡᠵᠣ ᠂ ᠵᠢᠯ ᠤᠨ ᠳᠣᠲᠣᠷᠠᠬᠢ ᠠᠷᠠᠳᠴᠢᠯᠠᠯ ᠢᠶᠠᠷ | ᠵᠥᠪᠯᠡᠬᠦ ᠲᠥᠯᠥᠪᠯᠡᠭᠡ ᠪᠠᠨ ᠰᠠᠶᠢᠳᠣᠷ ᠵᠣᠬᠢᠶᠠᠨ ᠪᠠᠶᠢᠭᠤᠯᠣᠨ ᠬᠡᠷᠡᠭᠵᠢᠭᠦᠯᠬᠦ ᠶᠢ ᠳᠡᠮᠵᠢᠵᠣ᠂ ᠥᠷᠭᠡᠨ ᠳᠡᠯᠭᠡᠷ | ᠣᠯᠣᠰ ᠢᠶᠠᠨ ᠬᠠᠶᠢᠷᠠᠯᠠᠬᠤ ᠨᠢᠭᠡᠳᠣᠮᠡᠯ ᠹᠷᠥᠨᠲ ᠢ ᠪᠠᠬᠢᠵᠢᠭᠦᠯᠬᠦ ᠪᠠ ᠭᠥᠭᠵᠢᠭᠦᠯᠵᠥ᠂ ᠨᠠᠮ ᠠᠴᠠ ᠠᠷᠠᠳ ᠤᠨ | ᠵᠡᠪᠰᠡᠭᠳᠣ ᠬᠥᠴᠥᠨ ᠢ ᠬᠠᠮᠢᠶᠠᠷᠠᠬᠤ ᠠᠵᠢᠯ ᠪᠠ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠡᠯᠡᠳᠬᠡᠯ ᠬᠥᠴᠥᠨ ᠤ | ᠪᠠᠶᠢᠭᠤᠯᠣᠯᠳᠠ ᠶᠢ ᠴᠢᠩᠭᠠᠳᠬᠠᠵᠣ᠂ ᠠᠵᠢᠯᠴᠢᠨ ᠤ ᠡᠪᠯᠡᠯ᠂ ᠡᠪ ᠬᠠᠮᠳᠥ ᠵᠠᠯᠠᠭᠤᠴᠣᠳ ᠤᠨ ᠡᠪᠯᠡᠯ᠂ | ᠡᠮᠡᠭᠳᠡᠶᠢᠴᠥᠳ ᠤᠨ ᠬᠤᠯᠪᠣᠭ᠎ᠠ ᠵᠡᠷᠭᠡ ᠣᠯᠠᠨ ᠲᠥᠮᠡᠨᠴᠢ ᠪᠥᠯᠬᠦᠮ ᠤᠨ ᠵᠣᠬᠢᠶᠠᠨ ᠪᠠᠶᠢᠭᠤᠯᠣᠯᠳᠠ ᠶᠢᠨ ᠤᠯᠠᠨ | ᠲᠦᠮᠡᠨ ᠲᠠᠢ ᠨᠢᠭᠳᠠ ᠬᠠᠷᠢᠯᠴᠠᠬᠤ ᠬᠥᠬᠦᠷᠭᠡ ᠬᠤᠯᠪᠣᠭᠠᠰᠣ ᠶᠢᠨ ᠣᠶᠢᠯᠡᠳᠣᠯ ᠢ ᠬᠥᠢᠴᠡᠳ ᠪᠠᠳᠠᠷᠠᠭᠤᠯᠣᠨ᠎ᠠ᠃ | ᠬᠤᠰᠢᠭᠤᠨ ᠤ ᠨᠠᠮ ᠤᠨ ᠬᠤᠷᠢᠶᠠᠨ ᠠᠴᠠ ᠠᠵᠣ ᠠᠬᠤᠢ ᠨᠡᠶᠢᠬᠡᠮ ᠤᠨ ᠬᠥᠭᠵᠢᠯᠳᠡ ᠶᠢᠨ ᠪᠠᠶᠢᠯᠳᠣᠬᠤ ᠪᠣᠳᠣᠯᠭ᠎ᠠ | ᠶᠢ ᠰᠣᠳᠣᠯᠬᠤ᠂ ᠠᠵᠣ ᠠᠬᠤᠢ ᠶᠢᠨ ᠪᠠᠶᠢᠳᠠᠯ ᠢ ᠲᠣᠭᠲᠠᠭᠰᠠᠨ ᠬᠤᠭᠤᠴᠠᠭ᠎ᠠ ᠲᠠᠢ ᠪᠠᠷ ᠵᠠᠳᠠᠯᠬᠤ᠂ ᠴᠢᠬᠤᠯᠠ ᠶᠡᠭᠡ | ᠴᠢᠭᠯᠡᠯᠳᠡ ᠲᠥᠷᠥ ᠶᠢᠨ ᠪᠣᠳᠣᠯᠭ᠎ᠠ ᠶᠢ ᠰᠣᠳᠣᠯᠬᠤ ᠠᠵᠢᠯ ᠤᠨ ᠲᠥᠷᠢᠮ ᠢ ᠲᠡᠭᠦᠯᠳᠡᠷᠵᠢᠭᠦᠯᠵᠥ᠂ ᠨᠠᠮ ᠤᠨ | ᠭᠡᠰᠢᠭᠦᠨ ᠣᠳᠣᠷᠢᠳᠬᠤ ᠺᠠᠳ᠋ᠷ ᠤᠨ ᠭᠤᠣᠯᠳᠠᠯᠭ᠎ᠠ ᠲᠠᠢ ᠠᠵᠣ ᠠᠬᠤᠶᠢᠯᠠᠯ᠂ ᠭᠤᠣᠯᠳᠠᠯᠭ᠎ᠠ ᠲᠠᠢ ᠲᠥᠷᠥᠯ ᠵᠣᠶᠢᠯ | ᠂ ᠭᠠᠴᠠᠭ᠎ᠠ ᠲᠣᠰᠬᠤᠨ ᠢ ᠳᠠᠭᠠᠭᠠᠨ ᠬᠠᠷᠢᠯᠴᠠᠬᠤ ᠬᠥᠭᠵᠢᠯᠳᠡ ᠶᠢᠨ ᠲᠥᠷᠢᠮ ᠢ ᠲᠡᠭᠦᠯᠳᠡᠷᠵᠢᠭᠦᠯᠵᠥ᠂ ᠵᠠᠰᠠᠭ ᠤᠨ | ᠠᠵᠢᠯ ᠤᠨ ᠪᠥᠳᠥᠮᠵᠢ ᠶᠢ ᠰᠢᠯᠭᠠᠨ ᠥᠨᠡᠯᠡᠬᠦ ᠲᠣᠭᠲᠠᠴᠠ ᠪᠠ ᠱᠠᠩᠨᠠᠨ ᠲᠣᠷᠭᠤᠬᠤ ᠲᠥᠷᠢᠮ ᠢ ᠲᠡᠭᠦᠯᠳᠡᠷᠵᠢᠭᠦᠯᠵᠥ | ᠂ ᠪᠠᠶᠢᠴᠠᠭᠠᠨ ᠰᠣᠳᠣᠯᠬᠤ ᠪᠠ ᠰᠢᠢᠳᠪᠦᠷᠢᠳᠥ ᠪᠤᠳᠥᠯᠭ᠎ᠠ ᠶᠢ ᠠᠰᠠᠭᠤᠨ ᠯᠠᠪᠯᠠᠬᠤ ᠲᠥᠷᠢᠮ ᠢ ᠪᠦᠷᠢᠨᠰᠢᠭᠦᠯᠦᠨ᠂ | ᠨᠢᠭᠡ ᠢᠵᠢ ᠰᠢᠨᠵᠢᠯᠡᠬᠦ ᠣᠬᠠᠭᠠᠨᠴᠢ᠂ ᠲᠥᠷᠢᠮᠵᠢᠭᠰᠡᠨ᠂ ᠳᠥᠭᠦᠮ᠂ ᠬᠡᠷᠡᠭᠴᠡᠭᠡ ᠪᠦᠭᠦᠢ ᠲᠥᠷᠢᠮ ᠤᠨ ᠲᠣᠭᠲᠠᠴᠠ | ᠶᠢ ᠥᠨᠡᠨᠬᠦ ᠪᠠᠶᠢᠭᠤᠯᠬᠤ ᠪᠠ ᠪᠠᠬᠢᠵᠢᠭᠦᠯᠵᠥ᠂ ᠰᠢᠢᠳᠪᠦᠷᠢᠳᠥ ᠪᠣᠳᠣᠯᠭ᠎ᠠ ᠶᠢᠨ ᠰᠢᠨᠵᠢᠯᠡᠬᠦ ᠣᠬᠠᠭᠠᠨᠴᠢ ᠴᠢᠨᠠᠷ᠂ | ᠡᠷᠭᠡ ᠬᠥᠨᠳᠣᠳᠣ ᠴᠢᠨᠠᠷ ᠪᠠ ᠲᠥᠪ ᠴᠢᠩᠭ᠎ᠠ ᠴᠢᠨᠠᠷ ᠢ ᠦᠨᠡᠨᠭᠦ ᠪᠠᠳᠣᠯᠠᠨ᠎ᠠ᠃ ︽ᠬᠠᠤᠯᠢ ᠳᠤ ᠲᠤᠭᠲᠠᠭᠠᠭᠰᠠᠨ | ᠡᠭᠦᠷᠭᠡ ᠬᠠᠷᠢᠭᠤᠴᠯᠭ᠎ᠠ ᠪᠠᠨ ᠡᠷᠭᠡᠪᠰᠢ ᠬᠦᠢᠴᠡᠳᠭᠡᠬᠦ᠂ ᠬᠠᠤᠯᠢ ᠠᠴᠠ ᠡᠷᠭᠡ ᠤᠯᠭᠤᠭᠰᠠᠨ ᠦᠭᠡᠢ ᠪᠤᠯ | ᠬᠡᠷᠡᠭᠵᠢᠬᠦᠯᠵᠤ ᠡᠰᠨ ᠪᠤᠯᠬᠤ ︾ ᠵᠠᠷᠴᠢᠮ ᠢ ᠪᠠᠳᠥ ᠡᠵᠡᠮᠰᠢᠵᠥ᠂ ᠣᠬᠠᠮᠰᠠᠷ ᠠᠴᠠ ᠪᠠᠨ ᠬᠠᠣᠯᠢ ᠪᠠᠷ ᠵᠠᠰᠠᠬᠤ | ᠰᠡᠳᠬᠢᠭᠦᠢ ᠪᠠ ᠬᠠᠣᠯᠢ ᠪᠠᠷ ᠵᠠᠰᠠᠬᠤ ᠠᠷᠭ᠎ᠠ ᠬᠡᠯᠪᠡᠷᠢ ᠪᠠᠷ ᠭᠥᠭᠵᠢᠯᠳᠡ ᠶᠢ ᠠᠬᠢᠭᠤᠯᠵᠣ᠂ ᠬᠠᠣᠯᠢ ᠶᠣᠰᠣᠭᠠᠷ | ᠠᠵᠣ ᠠᠬᠤᠢ ᠶᠢ ᠲᠣᠬᠢᠷᠠᠭᠤᠯᠬᠤ ᠪᠠ ᠵᠠᠰᠠᠵᠣ᠂ ᠬᠠᠣᠯᠢ ᠴᠠᠭᠠᠵᠠ ᠳᠦᠷᠢᠮ ᠲᠣᠭᠲᠠᠭᠠᠯ ᠤᠨ ᠬᠡᠪᠴᠢᠶᠠᠨ ᠳᠤ᠂ | ᠠᠵᠣ ᠠᠬᠤᠢ ᠨᠡᠶᠢᠬᠡᠮ ᠤᠨ ᠬᠥᠭᠵᠢᠯᠳᠡ ᠳᠤ ᠲᠣᠯᠭᠠᠷᠠᠭᠰᠠᠨ ᠡᠯ᠎ᠡ ᠵᠤᠶᠢᠯ ᠤᠨ ᠵᠥᠷᠢᠴᠡᠯ ᠪᠠ ᠠᠰᠠᠭᠤᠳᠠᠯ ᠢ | ᠬᠠᠣᠯᠢ ᠴᠠᠭᠠᠵᠠ ᠶᠢᠨ ᠠᠷᠭ᠎ᠠ ᠬᠡᠯᠪᠡᠷᠢ ᠪᠠᠷ ᠰᠢᠢᠳᠪᠣᠷᠢᠯᠡᠬᠦ ᠶᠢ ᠪᠠᠷᠢᠮᠳᠠᠯᠠᠨ᠂ ᠬᠠᠣᠯᠢ ᠶᠣᠰᠣᠭᠠᠷ ᠰᠢᠢᠳᠪᠣᠷᠢ | ᠲᠣᠭᠲᠠᠭᠠᠬᠤ᠂ ᠬᠠᠣᠯᠢ ᠶᠣᠰᠣᠭᠠᠷ ᠵᠠᠰᠠᠭ ᠶᠡᠪᠤᠭᠤᠯᠬᠤ ᠂ ᠬᠠᠣᠯᠢ ᠶᠣᠰᠣᠭᠠᠷ ᠠᠵᠢᠯᠯᠠᠬᠤ ᠶᠢ ᠥᠨᠡᠨᠬᠦ | ᠪᠡᠶᠡᠯᠡᠭᠦᠯᠥᠨ᠎ᠠ᠃ ᠰᠢᠨ᠎ᠡ ᠮᠡᠳᠡᠯᠭᠡ᠂ ᠰᠢᠨ᠎ᠡ ᠮᠡᠷᠭᠡᠵᠢᠯ ᠰᠣᠷᠣᠯᠴᠠᠬᠤ ᠶᠢ ᠣᠯᠠᠮ ᠨᠢᠭᠡ ᠠᠯᠬᠤᠮ ᠴᠢᠩᠭᠠᠳᠬᠠᠵᠣ᠂ | ᠵᠠᠬ᠎ᠠ ᠳᠡᠯᠭᠡᠭᠦᠷ ᠤᠨ ᠠᠵᠣ ᠠᠬᠤᠢ ᠶᠢᠨ ᠵᠢᠮ᠎ᠡ ᠶᠣᠰᠣ᠂ ᠨᠡᠶᠢᠬᠡᠮ ᠤᠨ ᠬᠥᠭᠵᠢᠯᠳᠡ ᠶᠢᠨ ᠵᠢᠮ᠎ᠡ ᠶᠣᠰᠣ᠂ ᠪᠠᠶᠢᠭᠠᠯᠢ | ᠶᠢᠨ ᠵᠢᠮ᠎ᠡ ᠶᠣᠰᠣ ᠶᠢ ᠡᠵᠡᠮᠰᠢᠬᠦ ᠪᠠ ᠬᠡᠷᠡᠭᠯᠡᠬᠦ ᠴᠢᠳᠠᠪᠣᠷᠢ ᠶᠢ ᠲᠠᠰᠤᠷᠠᠯᠲᠠ ᠦᠭᠡᠢ ᠨᠡᠮᠡᠭᠳᠡᠭᠦᠯᠥᠨ᠂ ᠬᠥᠭᠵᠢᠯᠳᠡ | ᠶᠢ ᠲᠥᠰᠥᠪᠯᠡᠬᠦ᠂ ᠬᠥᠭᠵᠢᠯᠳᠡ ᠶᠢ ᠨᠢᠭᠡᠳᠦᠯᠲᠡᠢ ᠲᠥᠯᠥᠪᠯᠡᠬᠦ᠂ ᠬᠥᠭᠵᠢᠯᠳᠡ ᠶᠢ ᠰᠢᠯᠢᠳᠡᠭᠵᠢᠭᠦᠯᠬᠦ᠂ ᠬᠥᠭᠵᠢᠯᠳᠡ | ᠶᠢ ᠠᠬᠢᠭᠤᠯᠬᠤ ᠴᠢᠳᠠᠪᠣᠷᠢ ᠪᠠᠨ ᠳᠡᠭᠡᠭᠰᠢᠯᠡᠭᠦᠯᠵᠥ᠂ ᠠᠵᠣ ᠠᠬᠤᠢ ᠨᠡᠶᠢᠬᠡᠮ ᠤᠨ ᠭᠥᠭᠵᠢᠯᠳᠡ ᠶᠢ ᠤᠳᠤᠷᠢᠳᠬᠤ | ᠠᠵᠢᠯ ᠲᠥᠷᠥᠯ ᠳᠤ ᠴᠠᠭᠠᠷᠠᠭᠰᠠᠨ ᠬᠥᠮᠥᠨ ᠪᠣᠯᠬᠤ ᠪᠠᠷ ᠴᠢᠷᠮᠠᠶᠢᠬᠤ ᠬᠡᠷᠡᠭᠳᠠᠢ᠃ | ︵ᠬᠤᠶᠠᠷ︶ ᠥᠵᠡᠯ ᠰᠠᠨᠠᠭᠠᠨ ᠤ ᠤᠳᠥᠷᠢᠳᠥᠮᠵᠢ ᠶᠢ ᠪᠠᠷᠢᠮᠳᠠᠯᠠᠨ᠂ ᠬᠥᠭᠵᠢᠯᠳᠡ ᠶᠢ ᠲᠥᠷᠭᠡᠳᠭᠡᠬᠦ ᠥᠵᠡᠯ | ᠰᠠᠨᠠᠭᠠᠨ ᠤ ᠣᠬᠠᠮᠰᠠᠷ ᠢ ᠲᠠᠰᠣᠷᠠᠯᠳᠠ ᠥᠭᠡᠢ ᠳᠡᠭᠡᠭᠰᠢᠯᠡᠭᠦᠯᠥᠨ᠎ᠠ᠃ ᠬᠤᠰᠢᠭᠤᠨ ᠤ ᠨᠠᠮ ᠤᠨ ᠬᠤᠷᠢᠶᠠᠨ ᠤ | ᠭᠤᠣᠯ ᠳᠣᠭᠤᠶᠢᠯᠠᠩ ᠤᠨ ᠰᠣᠷᠣᠯᠴᠠᠬᠤ ᠲᠥᠷᠢᠮ ᠢ ᠬᠢᠨᠠᠮᠠᠭᠠᠢ ᠨᠠᠶᠢᠳᠠᠪᠣᠷᠢᠵᠢᠭᠤᠯᠵᠣ᠂ ᠣᠳᠣᠷᠢᠳᠬᠤ ᠺᠠᠳ᠋ᠷ ᠤᠨ | ᠶᠠᠷᠢᠶᠠᠨ ᠤ ᠲᠢᠩᠭᠢᠮ᠂ ᠥᠨᠳᠥᠰᠥᠨ ᠱᠠᠳᠣᠨ ᠤ ᠶᠠᠷᠢᠶᠠᠨ ᠤ ᠲᠢᠩᠭᠢᠮ ᠪᠠ ᠺᠠᠳ᠋ᠷᠴᠣᠳ ᠤᠨ ᠬᠥᠮᠥᠵᠢᠯ | ᠪᠣᠯᠪᠠᠰᠣᠷᠠᠯ ᠵᠡᠷᠭᠡ ᠬᠡᠯᠪᠡᠷᠢ ᠪᠠᠷ ᠳᠠᠮᠵᠢᠨ᠂ ᠥᠷᠭᠡᠨ ᠣᠯᠠᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ᠂ ᠨᠠᠮ | ᠤᠨ ᠠᠷᠪᠠᠨ ᠨᠠᠢᠮᠠᠳᠣᠭᠠᠷ ᠶᠡᠭᠡ ᠬᠤᠷᠠᠯ᠂ ᠠᠷᠪᠠᠨ ᠨᠠᠢᠮᠠᠳᠣᠭᠠᠷ ᠬᠤᠭᠤᠴᠠᠭᠠᠨ ᠤ ᠭᠤᠷᠪᠠᠳᠣᠭᠠᠷ᠂ ᠲᠥᠷᠪᠡᠳᠣᠭᠡᠷ᠂ | ᠲᠠᠪᠣᠳᠣᠭᠠᠷ ᠪᠥᠭᠦᠳᠡ ᠬᠤᠷᠠᠯ ᠵᠢᠴᠢ ᠰᠢ ᠶᠢᠨ ᠫᠢᠩ ᠶᠡᠷᠥᠩᠬᠢ ᠱᠥᠵᠢ ᠵᠢᠨᠰᠢᠷᠢᠰ ᠴᠢᠬᠤᠯᠠ ᠶᠠᠷᠢᠶᠠᠨ ᠤ ᠥᠵᠡᠯ | ᠰᠠᠨᠠᠭ᠎ᠠ ᠶᠢ ᠬᠥᠨᠵᠡᠭᠡᠢ ᠰᠤᠷᠤᠯᠴᠠᠭᠤᠯᠵᠤ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠶᠢᠰᠣᠳᠣᠭᠡᠷ | ᠬᠤᠭᠤᠴᠠᠭᠠᠨ ᠤ ᠠᠷᠪᠠᠨ ᠲᠥᠷᠪᠡᠳᠥᠭᠡᠷ ᠣᠳᠠᠭᠠᠨ ᠤ ᠪᠥᠬᠦ ᠭᠡᠰᠢᠭᠦᠳ ᠤᠨ ᠬᠤᠷᠠᠯ ᠪᠠ ᠠᠶᠢᠮᠠᠭ ᠤᠨ ᠨᠠᠮ ᠤᠨ | ᠬᠤᠷᠢᠶᠠᠨ ᠤ ︵ᠥᠷᠭᠡᠳᠬᠡᠭᠰᠡᠨ︶ ᠬᠤᠷᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠣᠨ | ᠲᠣᠣᠱᠯᠠᠭᠤᠯᠵᠣ᠂ ᠥᠷᠭᠡᠨ ᠣᠯᠠᠨ ᠨᠠᠮ ᠤᠨ ᠭᠡᠰᠢᠭᠦᠳ ᠲᠤ ᠰᠢᠨ᠎ᠠ ᠬᠡᠪ ᠤᠨ ᠪᠠᠶᠢᠳᠠᠯ ᠳᠣᠣᠷᠠᠬᠢ ᠣᠯᠣᠰ ᠤᠨ | ᠰᠢᠨ᠎ᠡ ᠲᠥᠷᠥ ᠶᠢᠨ ᠪᠣᠳᠣᠯᠭ᠎ᠠ᠂ ᠭᠥᠭᠵᠢᠯᠳᠡ ᠶᠢᠨ ᠰᠢᠨ᠎ᠡ ᠬᠠᠨᠳᠣᠰᠢ᠂ ᠲᠣᠯᠭᠠᠷᠠᠵᠣ ᠪᠠᠶᠢᠭ᠎ᠠ ᠰᠢᠨ᠎ᠡ ᠠᠵᠠ | ᠲᠣᠬᠢᠶᠠᠯ ᠢ ᠪᠥᠬᠦ ᠲᠠᠯ᠎ᠠ ᠪᠠᠷ ᠡᠵᠡᠮᠰᠢᠭᠦᠯᠵᠥ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠨᠢᠭᠡ ᠰᠢᠷᠢᠰ ᠴᠢᠬᠤᠯᠠ ᠶᠡᠭᠡ ᠲᠥᠷᠥ ᠶᠢᠨ ᠪᠣᠳᠣᠯᠭ᠎ᠠ ᠴᠢᠭᠯᠡᠯᠳᠡ ᠪᠠ ᠠᠶᠢᠮᠠᠭ ᠤᠨ ᠨᠠᠮ ᠤᠨ | ᠬᠤᠷᠢᠶᠠᠨ ᠤ ᠡᠯ᠎ᠡ ᠲᠥᠷᠥᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠣᠯᠳᠠ ᠶᠢ ᠭᠥᠨᠵᠡᠭᠡᠢ ᠣᠶᠢᠯᠭᠠᠭᠤᠯᠵᠣ᠂ | ᠲᠥᠪ ᠬᠤᠷᠢᠶ᠎ᠠ᠂ ᠥᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠠᠶᠢᠮᠠᠭ ᠤᠨ ᠨᠠᠮ ᠤᠨ ᠬᠤᠷᠢᠶᠠᠨ ᠤ | ᠡᠯ᠎ᠡ ᠲᠥᠷᠥᠯ ᠤᠨ ᠰᠢᠢᠳᠪᠣᠷᠢ ᠪᠠᠶᠢᠷᠢᠯᠠᠭᠤᠯᠣᠯᠳᠠ ᠶᠢ ᠲᠤᠤᠱᠯᠠᠭᠤᠯᠬᠤ ᠥᠵᠡᠯ ᠰᠠᠨᠠᠭᠠᠨ ᠤ ᠣᠬᠠᠮᠰᠠᠷ ᠪᠠ ᠣᠶᠢᠯᠡ | ᠠᠵᠢᠯᠯᠠᠭ᠎ᠠ ᠵᠢᠨᠣᠬᠠᠮᠰᠠᠷ ᠢ ᠥᠨᠡᠨᠬᠦ ᠳᠡᠭᠡᠭᠰᠢᠯᠡᠭᠦᠯᠬᠦ ᠬᠡᠷᠡᠭᠲᠡᠢ᠃ ᠰᠡᠳᠬᠢᠭᠦᠢ ᠪᠠᠨ ᠰᠢᠨᠡᠳᠬᠡᠵᠦ᠂ ᠬᠡᠪᠰᠢᠮᠡᠯ | ᠪᠣᠭᠤᠭᠳᠠᠮᠠᠯ ᠰᠡᠳᠬᠢᠴᠡ ᠶᠢᠨ ᠬᠡᠯᠪᠡᠷᠢ ᠪᠠᠨ ᠬᠤᠪᠢᠷᠠᠭᠤᠯᠵᠤ᠂ ᠦᠬᠦᠮᠡᠯ ᠨᠠᠵᠠᠭᠠᠢ ᠴᠤᠭ ᠰᠦᠯᠳᠡ ᠦᠭᠡᠢ ᠵᠣᠷᠢᠭ | ᠰᠠᠨᠠᠭᠠᠨ ᠤ ᠪᠠᠶᠢᠳᠠᠯ ᠢᠶᠠᠨ ᠥᠭᠡᠷᠡᠴᠢᠯᠡᠨ᠂ ᠡᠷᠡᠭᠡᠯᠵᠡᠵᠦ ᠲᠠᠲᠠᠭᠠᠯᠵᠠᠭᠰᠠᠨ ᠪᠡᠷᠬᠡᠰᠢᠶᠡᠬᠦ ᠪᠣᠳᠣᠯ ᠢᠶᠠᠨ ᠲᠡᠪᠴᠢᠵᠦ᠂ | ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ ᠣᠪᠣᠷ ᠢᠶᠠᠷ᠂ ᠴᠠᠭ ᠢ ᠠᠮᠵᠢᠨ ᠲᠡᠮᠡᠴᠡᠬᠦ ᠠᠵᠢᠯ ᠤᠨ ᠤᠷᠮ᠎ᠠ ᠪᠠᠷ | ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠢ ᠲᠦᠯᠬᠢᠨ ᠠᠬᠢᠭᠤᠯᠵᠤ ᠰᠢᠨ᠎ᠡ ᠳᠡᠭᠲᠡᠷ ᠲᠤ ᠭᠠᠷᠭᠠᠬᠤ | ᠬᠡᠷᠡᠭᠲᠡᠢ᠃ | ︵ᠭᠤᠷᠪᠠ︶ ᠮᠡᠷᠭᠡᠵᠢᠯᠳᠡᠨ ᠰᠣᠩᠭᠤᠵᠣ ᠴᠢᠳᠠᠪᠣᠷᠢᠳᠠᠨ ᠬᠡᠷᠡᠭᠯᠡᠬᠦ ᠶᠢ ᠪᠠᠷᠢᠮᠳᠠᠯᠠᠨ᠂ ᠬᠥᠭᠵᠢᠯᠳᠡ ᠶᠢ ᠲᠥᠯᠬᠢᠨ | ᠠᠬᠢᠭᠤᠯᠬᠤ ᠤᠳᠤᠷᠢᠳᠤᠯᠭ᠎ᠠ ᠶᠢᠨ ᠴᠢᠳᠠᠪᠣᠷᠢ ᠶᠢ ᠲᠠᠰᠣᠷᠠᠯᠳᠠ ᠥᠭᠡᠢ ᠳᠡᠭᠡᠭᠰᠢᠯᠡᠭᠦᠯᠣᠨ᠎ᠠ᠃ ᠵᠥᠪ ᠣᠨᠣᠪᠴᠢᠲᠠᠢ | ᠪᠠᠷ ᠬᠥᠮᠥᠨ ᠢ ᠰᠣᠩᠭᠤᠵᠣ ᠬᠡᠷᠡᠭᠯᠡᠬᠦ ᠣᠳᠣᠷᠢᠳᠣᠮᠵᠢ ᠶᠢ ᠪᠠᠳᠣᠲᠠᠢ ᠪᠣᠯᠭᠠᠵᠣ᠂ ᠲᠥᠪ ᠬᠤᠷᠢᠶᠠᠨ ᠤ ᠠᠯᠪᠠᠨ ᠭᠡᠷ | ᠤᠨ ︽ᠬᠤᠳᠠ ᠰᠢᠶᠡᠨ ᠪᠠᠯᠭᠠᠰᠣ ᠶᠢᠨ ᠣᠳᠣᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠬᠢᠨᠠᠮᠠᠭᠠᠢ | ᠰᠠᠶᠢᠳᠣᠷ ᠬᠢᠬᠦ ᠲᠣᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ ᠂ ᠬᠤᠶᠠᠷ ᠳᠡᠰ ᠤᠨ ᠨᠠᠮ ᠤᠨ ᠬᠤᠷᠢᠶᠠᠨ ᠤ | ᠬᠤᠭᠤᠴᠠᠭ᠎ᠠ ᠰᠣᠯᠢᠬᠤ ᠠᠵᠢᠯ ᠢ ᠥᠨᠡᠨᠬᠦ ᠰᠠᠶᠢᠳᠣᠷ ᠠᠳᠬᠤᠨ᠎ᠠ᠃ ᠮᠣᠷᠠᠯ ᠴᠢᠳᠠᠪᠤᠷᠢ ᠬᠤᠣᠰᠯᠠᠭᠰᠠᠨ᠂ ᠮᠣᠷᠠᠯ ᠢ | ᠲᠡᠷᠢᠭᠦᠨ ᠪᠠᠶᠢᠷᠢᠨ ᠳᠤ ᠲᠠᠯᠪᠢᠭᠰᠠᠨ ᠪᠠᠶᠢᠬᠤ ᠶᠢ ᠪᠠᠷᠢᠮᠳᠠᠯᠠᠨ᠂ ᠥᠨᠳᠥᠰᠥᠨ ᠱᠠᠳᠣᠨ ᠳᠤ ᠤᠳᠠᠭᠠᠨ ᠵᠢᠯ | ᠠᠵᠢᠯᠯᠠᠭᠰᠠᠨ ᠲᠣᠷᠰᠢᠯᠭ᠎ᠠ ᠲᠠᠢ᠂ ᠨᠡᠯᠢᠶᠡᠳ ᠰᠠᠶᠢᠨ ᠠᠵᠢᠯ ᠤᠨ ᠪᠦᠲᠦᠮᠵᠢ ᠲᠠᠢ᠂ ᠣᠯᠠᠨ ᠲᠦᠮᠡᠨ ᠤ ᠲᠤᠰᠬᠠᠯ | ᠨᠡᠯᠢᠶᠡᠳ ᠰᠠᠶᠢᠨ ᠺᠠᠳ᠋ᠷ ᠢ ᠶᠡᠬᠡᠪᠠᠷ ᠰᠣᠩᠭᠤᠨ ᠬᠡᠷᠡᠭᠯᠡᠵᠣ᠂ ︽ᠠᠷᠪᠠ ᠶᠢ ᠪᠥᠷᠬᠦᠭᠦᠯᠬᠦ》ᠠᠵᠢᠯ᠂ ᠮᠠᠯᠵᠢᠬᠤ | ᠲᠠᠷᠢᠶᠠᠯᠠᠬᠤ ᠣᠷᠣᠨ ᠤ ᠠᠵᠣ ᠦᠢᠯᠡᠰ ᠤᠨ ᠬᠥᠭᠵᠢᠯᠳᠡ᠂ ᠥᠨᠳᠥᠰᠥᠨ ᠱᠠᠳᠣᠨ ᠤ ᠨᠠᠮ ᠤᠨ ᠵᠣᠬᠢᠶᠠᠨ | ᠪᠠᠶᠢᠭᠤᠯᠣᠯᠳᠠ ᠶᠢᠨ ᠴᠣᠭᠴᠠᠯᠠᠯᠲᠠ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠲᠡ ᠵᠡᠷᠭᠡ ᠲᠠᠯ᠎ᠠ ᠪᠠᠷ ᠺᠠᠳ᠋ᠷ ᠢ | ᠢᠯᠡᠷᠡᠭᠦᠯᠬᠦ ᠶᠢ ᠴᠢᠬᠤᠯᠠᠴᠢᠯᠠᠨ᠎ᠠ᠃ ᠬᠥᠮᠥᠨ ᠢ ᠰᠣᠩᠭᠤᠵᠣ ᠬᠡᠷᠡᠭᠯᠡᠬᠦ ᠪᠣᠭᠤᠮᠲᠠ ᠢ ᠴᠢᠩᠭ᠎ᠠ ᠰᠠᠬᠢᠵᠤ᠂ ︽ | ᠰᠠᠶᠢᠨ ᠺᠠᠳ᠋ᠷ︾ ᠤᠨ ᠪᠠᠷᠢᠮᠵᠢᠶ᠎ᠠ ᠪᠠ︽ᠭᠤᠷᠪᠠᠨ ᠴᠢᠩᠭ᠎ᠠ ᠭᠤᠷᠪᠠᠨ ᠪᠣᠳᠠᠲᠠᠢ︾ᠪᠠᠶᠢᠬᠤ ᠱᠠᠭᠠᠷᠳᠠᠯᠭ᠎ᠠ ᠶᠢ ᠬᠢᠨᠠᠮᠠᠭᠠᠢ | ᠨᠠᠶᠢᠳᠠᠪᠣᠷᠢᠵᠢᠭᠤᠯᠵᠣ᠂ ︽ᠨᠠᠮ ᠵᠠᠰᠠᠭ ᠤᠨ ᠣᠳᠣᠷᠢᠳᠬᠤ ᠺᠠᠳ᠋ᠷ ᠢ ᠰᠣᠩᠭᠤᠨ ᠬᠡᠷᠡᠭᠯᠡᠬᠦ ᠠᠵᠢᠯ ᠤᠨ ᠲᠥᠷᠢᠮ︾ | ᠪᠠ ︽ᠣᠳᠣᠷᠢᠳᠬᠤ ᠺᠠᠳ᠋ᠷ ᠢ ᠲᠣᠮᠢᠯᠠᠵᠤ ᠪᠠᠭᠤᠯᠭᠠᠵᠤ ᠪᠣᠯᠬᠤ ᠶᠢ ᠠᠬᠢᠭᠤᠯᠬᠤ ᠲᠤᠬᠠᠢ ᠲᠣᠭᠲᠠᠭᠠᠯ ᠤᠳ ︵ | ᠲᠣᠷᠰᠢᠨ ᠬᠡᠷᠡᠭᠯᠡᠬᠦ︶︾ ᠢ ᠴᠢᠩᠭ᠎ᠠ ᠪᠠᠷ ᠲᠣᠣᠱᠯᠠᠭᠤᠯᠣᠨ ᠬᠡᠷᠡᠭᠵᠢᠭᠦᠯᠵᠥ᠂ ᠣᠯᠣᠰ ᠲᠥᠷᠥ ᠶᠢᠨ ᠣᠬᠠᠮᠰᠠᠷ | ᠴᠢᠩᠭ᠎ᠠ᠂ ᠲᠤᠰᠬᠠᠢ ᠮᠡᠷᠭᠡᠵᠢᠯ ᠢ ᠣᠶᠢᠯᠭᠠᠬᠤ᠂ ᠵᠠᠰᠠᠬᠤ ᠳᠤ ᠪᠠᠨ ᠴᠢᠳᠠᠮᠠᠭᠠᠢ᠂ ᠵᠣᠷᠢᠭᠲᠠᠢ ᠡᠭᠦᠷᠭᠡᠯᠡᠵᠦ | ᠴᠢᠳᠠᠬᠤ᠂ ᠣᠪᠣᠷ ᠰᠣᠷᠳᠠᠯ ᠲᠥᠪ ᠺᠠᠳ᠋ᠷ ᠢ ᠴᠠᠭ ᠲᠤᠬᠠᠢ ᠳᠤᠨᠢ ᠢᠯᠡᠷᠡᠭᠦᠯᠬᠦ᠂ ᠵᠣᠬᠢᠰᠲᠠᠢ ᠪᠠᠷ ᠬᠡᠷᠡᠭᠯᠡᠬᠦ ᠶᠢ | ᠪᠠᠳᠣᠯᠠᠨ᠎ᠠ᠃ ᠺᠠᠳ᠋ᠷ ᠤᠨ ᠬᠥᠮᠥᠵᠢᠯ ᠪᠣᠯᠪᠠᠰᠣᠷᠠᠯ ᠢ ᠴᠢᠩᠭᠠᠳᠬᠠᠵᠣ᠂ ᠪᠡᠯᠡᠳᠬᠡᠯ ᠺᠠᠳ᠋ᠷ ᠤᠨ ᠡᠩᠨᠡᠭᠡᠨ ᠤ | ᠪᠠᠶᠢᠭᠤᠯᠣᠯᠳᠠ ᠶᠢ ᠰᠠᠶᠢᠳᠣᠷ ᠠᠳᠬᠤᠵᠣ᠂ ᠰᠢᠯᠢᠳᠡᠭ ᠵᠠᠯᠠᠭᠤ ᠺᠠᠳ᠋ᠷ ᠢ ᠬᠥᠮᠥᠵᠢᠭᠦᠯᠥᠨ ᠰᠣᠩᠭᠤᠬᠤ ᠬᠥᠴᠥᠯᠡᠴᠡ | ᠪᠠᠨ ᠶᠡᠬᠡᠰᠭᠡᠵᠣ᠂ ᠡᠮᠡᠭᠲᠠᠢ ᠺᠠᠳ᠋ᠷ᠂ ᠴᠥᠭᠡᠨ ᠲᠣᠭᠠᠳᠣ ᠥᠨᠳᠥᠰᠥᠳᠡᠨ ᠤ ᠺᠠᠳ᠋ᠷ ᠪᠠ ᠨᠠᠮ ᠤᠨ ᠭᠡᠰᠢᠭᠦᠨ ᠪᠤᠰᠤ | ᠺᠠᠳ᠋ᠷ ᠢ ᠬᠥᠮᠥᠵᠢᠭᠦᠯᠥᠨ ᠰᠣᠩᠭᠤᠬᠤ ᠶᠢ ᠴᠢᠬᠤᠯᠠᠴᠢᠯᠠᠨ᠎ᠠ᠃ ᠣᠳᠣᠷᠢᠳᠬᠤ ᠺᠠᠳ᠋ᠷ ᠤᠨ ᠣᠷᠣᠨ ᠲᠣᠭᠠᠨ ᠤ | ᠬᠠᠮᠢᠶᠠᠷᠥᠯᠳᠠ ᠶᠢ ᠥᠨᠡᠨᠬᠦ ᠴᠢᠩᠭᠠᠳᠬᠠᠵᠣ᠂ ᠺᠠᠳ᠋ᠷᠴᠤᠳ ᠢ ᠤᠷᠤᠨ ᠲᠤᠭ᠎ᠠ ᠠᠴᠠ ᠬᠡᠳᠣᠷᠡᠭᠦᠯᠬᠦ ᠪᠠ ᠪᠠᠷᠢᠮᠵᠢᠶ᠎ᠠ | ᠠᠴᠠ ᠬᠡᠳᠣᠷᠡᠭᠦᠯᠥᠨ ᠲᠣᠮᠢᠯᠠᠬᠤ ᠶᠢ ᠡᠷᠡᠰ ᠲᠡᠪᠴᠢᠨ᠎ᠡ᠃ ᠰᠢᠯᠭᠠᠨ ᠥᠨᠡᠯᠡᠬᠦ ᠲᠥᠷᠢᠮ ᠢ ᠲᠡᠭᠦᠯᠳᠡᠷᠵᠢᠭᠦᠯᠥᠨ᠂ | ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠣᠯᠳᠠ᠂ ᠭᠤᠣᠯᠳᠠᠯᠭ᠎ᠠ ᠲᠠᠢ ᠠᠵᠢᠯ ᠪᠠ ᠭᠤᠣᠯᠳᠠᠯᠭ᠎ᠠ ᠲᠠᠢ ᠪᠥᠳᠥᠭᠡᠨ ᠪᠠᠶᠢᠭᠤᠯᠣᠯᠳᠠ ᠶᠢᠨ ᠲᠥᠷᠥᠯ | ᠵᠣᠶᠢᠯ ᠢ ᠬᠢᠨᠠᠨ ᠰᠢᠯᠭᠠᠬᠤ ᠬᠥᠴᠥᠯᠡᠴᠡ ᠪᠠᠨ ᠶᠡᠬᠡᠰᠬᠡᠵᠥ᠂ ᠬᠢᠨᠠᠨ ᠰᠢᠯᠭᠠᠯᠳᠠ ᠶᠢᠨ ᠥᠷ᠎ᠡ ᠪᠥᠳᠥᠮᠵᠢ ᠶᠢᠨ | ᠬᠡᠷᠡᠭᠯᠡᠯᠲᠡ ᠶᠢ ᠴᠢᠩᠭᠠᠳᠬᠠᠵᠣ᠂ ᠲᠡᠭᠦᠨ ᠢᠶᠠᠷ ᠺᠠᠳ᠋ᠷᠴᠣᠳ ᠢ ᠰᠣᠩᠭᠤᠨ ᠬᠡᠷᠡᠭᠯᠡᠬᠦ ᠴᠢᠬᠤᠯᠠ ᠦᠨᠳᠦᠰᠦᠯᠡᠯ | ᠪᠣᠯᠭᠠᠨ᠎ᠠ᠃ ᠺᠠᠳ᠋ᠷᠴᠣᠳ ᠤᠨ ᠬᠢᠨᠠᠯᠳᠠ ᠶᠢ ᠴᠢᠩᠭᠠᠳᠬᠠᠵᠣ᠂ ᠵᠣᠬᠢᠶᠠᠨ ᠪᠠᠶᠢᠭᠤᠯᠤᠯᠲᠠ ᠶᠢᠨ ᠬᠢᠨᠠᠯᠳᠠ᠂ ᠠᠷᠠᠳ | ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠳᠠ᠂ ᠣᠯᠣᠰ ᠲᠥᠷᠥ ᠶᠢᠨ ᠵᠥᠪᠯᠡᠯᠭᠡᠨ ᠤ ᠬᠢᠨᠠᠯᠳᠠ᠂ | ᠨᠡᠶᠢᠬᠡᠮ ᠤᠨ ᠬᠢᠨᠠᠯᠳᠠ ᠪᠠ ᠶᠠᠷᠢᠶ᠎ᠠ ᠬᠡᠯᠡᠯᠴᠡᠭᠡᠨ ᠤ ᠬᠢᠨᠠᠯᠳᠠ ᠶᠢᠨ ᠣᠶᠢᠯᠡᠳᠣᠯ ᠢ ᠭᠦᠢᠴᠡᠳ ᠪᠠᠳᠠᠷᠠᠭᠤᠯᠵᠣ᠂ | ᠺᠠᠳ᠋ᠷᠴᠣᠳ ᠤᠨ ︽ᠠᠵᠢᠯᠯᠠᠬᠤ ᠬᠦᠷᠢᠶ᠎ᠡ︾ ᠪᠠ ︽ᠨᠠᠢᠮᠠᠨ ᠴᠠᠭ︾ ᠠᠴᠠ ᠭᠠᠳᠠᠨᠠᠬᠢ ︽ᠠᠮᠢᠳᠣᠷᠠᠯ ᠤᠨ ᠬᠦᠷᠢᠶ᠎ᠡ︾ | ᠂ ︽ᠨᠡᠶᠢᠬᠡᠮ ᠤᠨ ᠬᠠᠷᠢᠯᠴᠠᠭᠠᠨ ᠤ ᠬᠦᠷᠢᠶ᠎ᠡ︾ ᠶᠢᠨ ᠬᠢᠨᠠᠯᠳᠠ ᠶᠢ ᠥᠨᠡᠨᠬᠦ ᠴᠢᠩᠭᠠᠳᠬᠠᠨ᠎ᠠ᠃ | ︵ᠲᠥᠷᠪᠡ︶ ᠥᠨᠳᠥᠰᠥ ᠰᠠᠭᠤᠷᠢ ᠪᠠᠨ ᠪᠠᠬᠢᠵᠢᠭᠦᠯᠬᠦ ᠶᠢ ᠪᠠᠷᠢᠮᠳᠠᠯᠠᠨ᠂ ᠭᠥᠭᠵᠢᠯᠳᠡ ᠶᠢ ᠪᠠᠳᠣᠯᠠᠬᠤ ᠵᠠᠰᠠᠭ | ᠶᠠᠪᠤᠭᠤᠯᠬᠤ ᠰᠠᠭᠤᠷᠢ ᠪᠠᠨ ᠲᠠᠰᠣᠷᠠᠯᠳᠠ ᠥᠭᠡᠢ ᠪᠠᠬᠢᠵᠢᠭᠦᠯᠥᠨ᠎ᠡ᠃ ᠡᠯ᠎ᠡ ᠱᠠᠳᠣᠨ ᠤ ᠨᠠᠮ ᠤᠨ ᠵᠣᠬᠢᠶᠠᠨ | ᠪᠠᠶᠢᠭᠤᠯᠣᠯᠳᠠ ᠶᠢᠨ ᠬᠠᠷᠢᠭᠤᠴᠠᠯᠭᠠᠳᠠᠨ ᠥᠨᠳᠥᠰᠥᠨ ᠱᠠᠳᠣ ᠶᠢ ᠠᠳᠬᠤᠵᠤ ᠰᠠᠭᠤᠷᠢ ᠪᠠᠨ ᠲᠠᠯᠪᠢᠬᠤ ᠭᠤᠣᠯ | ᠴᠣᠭᠴᠠ ᠶᠢᠨ ᠬᠠᠷᠢᠭᠤᠴᠠᠯᠭ᠎ᠠ ᠪᠠᠨ ᠥᠨᠡᠨᠬᠦ ᠰᠠᠶᠢᠲᠤᠷ ᠬᠥᠢᠴᠡᠳᠬᠡᠵᠣ᠂ ︽456》︽532︾ ᠠᠵᠢᠯᠯᠠᠬᠤ | ᠠᠷᠭ᠎ᠠ ᠪᠠ︽ᠨᠠᠮ ᠤᠨ ᠬᠡᠰᠢᠬᠦᠨ ᠤ ᠭᠤᠤᠯ ᠡᠷᠥᠬᠡ + ᠨᠡᠶᠢᠬᠡᠮᠯᠢᠭ︾ ᠤᠨ ᠬᠠᠮᠢᠶᠠᠷᠥᠯᠳᠠ ᠶᠢᠨ ᠬᠡᠯᠪᠡᠷᠢ ᠶᠢ | ᠥᠷᠭᠦᠯᠵᠢᠯᠡᠨ ᠬᠡᠷᠡᠭᠵᠢᠭᠦᠯᠵᠥ᠂ ︽334︾ ᠨᠡᠶᠢᠬᠡᠮ ᠲᠣᠭᠤᠷᠢᠭ ᠤᠨ ᠨᠠᠮ ᠤᠨ ᠪᠠᠶᠢᠭᠤᠯᠣᠯᠳᠠ ᠶᠢᠨ ᠠᠵᠢᠯ ᠤᠨ | ᠬᠡᠯᠪᠡᠷᠢ ᠶᠢ ᠯᠠᠪᠳᠠᠭᠤᠨ ᠢᠶᠠᠷ ᠲᠥᠯᠬᠢᠨ ᠠᠬᠢᠭᠤᠯᠵᠣ᠂ ︽ᠵᠠᠭᠤ ᠮᠢᠩᠭ᠎ᠠ ᠶᠢᠨ ᠢᠨᠵᠧᠨᠧᠷᠢᠩ︾᠂ ︽ᠲᠠᠪᠣᠨ | ᠨᠢᠭᠡ》ᠬᠠᠮᠳᠤᠷᠡᠯᠴᠠᠨ ᠬᠠᠪᠰᠤᠷᠤᠯᠴᠠᠵᠤ ᠤᠷᠤᠭᠰᠢ ᠲᠠᠪᠰᠢᠬᠤ ᠠᠵᠢᠯᠯᠠᠭ᠎ᠠ ᠪᠠ ︽ᠣᠮᠠᠷᠠᠳᠣ ᠬᠢᠵᠠᠭᠠᠷ ᠲᠤ ᠨᠠᠮ | ᠤᠨ ᠲᠤᠭ ᠢ ᠨᠠᠮᠢᠷᠠᠭᠤᠯᠬᠤ︾ ᠵᠡᠷᠭᠡ ᠠᠵᠢᠯᠯᠠᠭᠠᠨ ᠢ ᠬᠥᠨᠵᠡᠭᠡᠶᠢᠷᠡᠭᠦᠯᠵᠥ᠂ ᠥᠨᠳᠥᠰᠥᠨ ᠱᠠᠳᠣᠨ ᠤ ᠨᠠᠮ ᠤᠨ | ᠵᠣᠬᠢᠶᠠᠨ ᠪᠠᠶᠢᠭᠤᠯᠣᠯᠳᠠ ᠶᠢᠨ ᠠᠵᠢᠯ ᠤᠨ ᠭᠤᠣᠯᠳᠠᠯᠭ᠎ᠠ ᠶᠢ ᠬᠥᠭᠵᠢᠯᠳᠡ ᠳᠤ ᠥᠢᠯᠡᠴᠢᠯᠡᠬᠦ᠂ ᠠᠷᠠᠳ ᠤᠨ | ᠠᠮᠢᠳᠣᠷᠠᠯ ᠳᠤ ᠥᠢᠯᠡᠴᠢᠯᠡᠬᠦ᠂ ᠣᠯᠠᠨ ᠲᠥᠮᠡᠨ ᠳᠤ ᠥᠢᠯᠡᠴᠢᠯᠡᠬᠦ᠂ ᠨᠠᠮ ᠤᠨ ᠭᠡᠰᠢᠭᠦᠳ ᠲᠤ ᠦᠢᠯᠡᠴᠢᠯᠡᠬᠦ ᠵᠦᠭ | ᠦᠨᠡᠨᠬᠦ ᠰᠢᠯᠵᠢᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠥᠨᠳᠥᠰᠥᠨ ᠱᠠᠳᠣᠨ ᠤ ᠨᠠᠮ ᠤᠨ ᠵᠣᠬᠢᠶᠠᠨ | ᠪᠠᠶᠢᠭᠤᠯᠣᠯᠳᠠ ᠶᠢᠨ ᠳᠠᠭᠠᠭᠤᠯᠤᠭᠴᠢ ᠶᠢᠨ ᠡᠩᠨᠡᠭᠡ᠂ ᠥᠨᠳᠥᠰᠥᠨ ᠱᠠᠳᠣᠨ ᠤ ᠨᠠᠮ ᠤᠨ ᠠᠵᠢᠯ ᠤᠨ ᠠᠵᠢᠯᠳᠠᠨ᠂ | ᠤᠶᠤᠳᠡᠨ ᠲᠣᠰᠬᠤᠨ ᠤ ᠳᠠᠷᠤᠭ᠎ᠠ᠂ ᠨᠠᠮ ᠤᠨ ᠭᠡᠰᠢᠭᠦᠨ ᠤ ᠡᠩᠨᠡᠭᠡᠨ ᠤ ᠪᠠᠶᠢᠭᠤᠯᠤᠯᠲᠠ ᠶᠢ ᠴᠢᠩᠳᠠᠯᠠᠨ | ᠴᠢᠩᠭᠠᠳᠬᠠᠵᠤ᠂ ︽ᠭᠤᠷᠪᠠᠨ ᠬᠤᠷᠠᠯ ᠨᠢᠭᠡ ᠬᠢᠴᠢᠶᠡᠯ 》᠂ ᠨᠠᠮ ᠤᠨ ᠭᠡᠰᠢᠭᠦᠨ ᠢ ᠠᠷᠠᠳᠴᠢᠯᠠᠯ ᠢᠶᠠᠷ ᠦᠨᠡᠯᠡᠬᠦ | ᠵᠡᠷᠭᠡ ᠲᠥᠷᠢᠮ ᠢ ᠬᠢᠨᠠᠮᠠᠭᠠᠢ ᠨᠠᠶᠢᠳᠠᠪᠣᠷᠢᠵᠢᠭᠤᠯᠵᠣ᠂ ᠰᠢᠨ᠎ᠡ ᠪᠠᠶᠢᠳᠠᠯ ᠲᠣᠣᠷᠠᠬᠢ ᠨᠡᠭᠦᠳᠡᠯ ᠨᠠᠮ ᠤᠨ ᠭᠡᠰᠢᠭᠦᠨ ᠤ | ᠬᠠᠮᠢᠶᠠᠷᠥᠯᠳᠠ ᠶᠢ ᠴᠢᠩᠭᠠᠳᠬᠠᠬᠤ ᠪᠥᠳᠥᠮᠵᠢᠲᠠᠢ ᠠᠷᠭ᠎ᠠ ᠶᠢ ᠢᠳᠡᠪᠬᠢᠲᠠᠢ ᠰᠥᠪᠡᠭᠴᠢᠯᠡᠵᠥ᠂ ᠨᠡᠶᠢᠳᠡ ᠶᠢᠨ | ᠦᠮᠴᠢᠯᠡᠯᠳᠤ ᠪᠤᠰᠤ ᠠᠵᠣ ᠠᠬᠤᠢ ᠶᠢᠨ ᠵᠣᠬᠢᠶᠠᠨ ᠪᠠᠶᠢᠭᠤᠯᠣᠯᠳᠠ ᠪᠠ ᠨᠡᠶᠢᠬᠡᠮ ᠤᠨ ᠵᠣᠬᠢᠶᠠᠨ ᠪᠠᠶᠢᠭᠤᠯᠣᠯᠳᠠ | ᠵᠡᠷᠭᠡ ᠪᠠᠭᠤᠷᠢ ᠬᠦᠷᠢᠶ᠎ᠡ ᠴᠠᠷ᠎ᠠ ᠶᠢᠨ ᠨᠠᠮ ᠤᠨ ᠪᠠᠶᠢᠭᠤᠯᠣᠯᠳᠠ ᠶᠢᠨ ᠠᠵᠢᠯ ᠢ ᠣᠯᠠᠮ ᠨᠢᠭᠡ ᠠᠯᠬᠤᠮ ᠰᠠᠶᠢᠳᠣᠷ | ᠠᠳᠬᠤᠵᠣ᠂ ᠨᠠᠮ ᠤᠨ ᠵᠣᠬᠢᠶᠠᠨ ᠪᠠᠶᠢᠭᠤᠯᠣᠯᠳᠠ ᠪᠠ ᠠᠵᠢᠯ ᠤᠨ ᠪᠥᠷᠬᠦᠴᠡ ᠪᠠᠨ ᠲᠠᠰᠥᠷᠠᠯᠳᠠ ᠥᠭᠡᠢ | ᠶᠡᠬᠡᠰᠬᠡᠨ᠎ᠡ᠃ ᠥᠪᠡᠷᠲᠡᠭᠡᠨ ᠵᠠᠰᠠᠬᠤ ᠣᠷᠣᠨ ᠤ ᠰᠤᠮᠤ ᠰᠢᠶᠠᠩ ᠪᠠᠯᠭᠠᠰᠤᠨ ᠤ ᠺᠠᠳ᠋ᠷ ᠤᠨ ᠡᠩᠨᠡᠭᠡ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ︽ᠰᠠᠨᠠᠯ 》 ᠢ ᠬᠢᠨᠠᠮᠠᠭᠠᠢ ᠨᠠᠶᠢᠳᠠᠪᠤᠷᠢᠵᠢᠭᠤᠯᠵᠤ᠂ | ᠦᠨᠳᠦᠰᠦᠨ ᠱᠠᠳᠣᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ ᠠᠵᠢᠯ ᠤᠨ ᠵᠠᠷᠣᠳᠠᠯ᠂ ᠨᠠᠮ ᠤᠨ | ᠪᠠᠶᠢᠭᠤᠯᠣᠯᠳᠠ ᠶᠢᠨ ᠵᠠᠷᠣᠳᠠᠯ ᠪᠠ ᠺᠠᠳ᠋ᠷ ᠤᠨ ᠬᠥᠯᠥᠰᠥ ᠣᠯᠭᠤᠮᠵᠢ ᠵᠡᠷᠭᠡ ᠶᠢ ᠪᠥᠬᠦ ᠲᠠᠯ᠎ᠠ ᠪᠠᠷ | ᠨᠠᠶᠢᠳᠠᠪᠣᠷᠢᠵᠢᠭᠤᠯᠵᠣ᠂ ᠰᠢᠯᠢᠳᠡᠭ ᠭᠠᠴᠠᠭ᠎ᠠ ᠲᠣᠰᠬᠤᠨ ᠤ ᠳᠠᠷᠤᠭ᠎ᠠ ᠠᠴᠠ ᠰᠣᠮᠣ ᠪᠠᠯᠭᠠᠰᠣᠨ ᠤ ᠣᠳᠣᠷᠢᠳᠬᠤ | ᠺᠠᠳ᠋ᠷ᠂ ᠠᠵᠢᠯ ᠣᠶᠢᠯᠡᠰ ᠤᠨ ᠣᠷᠣᠨ ᠲᠣᠭᠠᠨ ᠤ ᠠᠵᠢᠯᠳᠠᠨ ᠰᠣᠩᠭᠤᠬᠤ ᠠᠵᠢᠯ ᠥᠷᠨᠢᠭᠦᠯᠥᠨ᠂ ᠲᠡᠳᠡᠨᠡᠷ | ᠤᠨ ᠠᠵᠢᠯ ᠬᠢᠵᠣ ᠣᠶᠢᠯᠡᠰ ᠪᠣᠰᠬᠠᠬᠤ ᠣᠷᠮ᠎ᠠ ᠰᠡᠳᠬᠢᠯ ᠢ ᠣᠯᠠᠮ ᠨᠢᠭᠡ ᠠᠯᠬᠤᠮ ᠬᠥᠭᠵᠢᠭᠡᠨ᠎ᠡ᠃ ᠰᠤᠯᠠ | ᠲᠤᠷᠥᠢ ᠨᠠᠮ ᠤᠨ ᠵᠤᠬᠢᠶᠠᠨ ᠪᠠᠶᠢᠭᠤᠯᠤᠯᠳᠠ ᠶᠢ ᠥᠷᠭᠦᠯᠵᠢᠯᠡᠨ ᠴᠡᠭᠴᠡᠯᠡᠵᠣ᠂ ︽ᠨᠢᠭᠡᠳᠦᠭᠡᠷ ᠱᠦᠵᠢ︾ ᠪᠠ | ᠲᠣᠰᠬᠤᠨ ᠳᠤ ᠰᠠᠭᠤᠭ᠎ᠠ ᠠᠵᠢᠯ ᠵᠢᠯᠣᠭᠤᠳᠣᠭᠴᠢ ᠶᠢᠨ ᠣᠶᠢᠯᠡᠳᠣᠯ ᠢ ᠭᠥᠢᠴᠡᠳ ᠪᠠᠳᠠᠷᠠᠭᠤᠯᠵᠣ᠂ ᠭᠠᠴᠠᠭ᠎ᠠ | ᠲᠣᠰᠬᠤᠨ ᠢ ᠬᠠᠪᠰᠣᠷᠣᠨ ᠬᠥᠭᠵᠢᠯᠳᠡ ᠶᠢᠨ ᠲᠥᠯᠥᠪᠵᠢᠭᠦᠯᠬᠡ ᠶᠢ ᠲᠣᠭᠲᠠᠭᠠᠵᠣ᠂ ᠬᠥᠭᠵᠢᠯᠳᠡ ᠶᠢᠨ | ᠰᠡᠳᠬᠢᠴᠡ ᠪᠠᠨ ᠲᠣᠳᠣᠳᠬᠠᠵᠣ᠂ ᠪᠡᠯᠡ ᠮᠥᠩᠭᠦ ᠶᠢᠨ ᠲᠥᠷᠥᠯ ᠵᠣᠶᠢᠯ ᠢ ᠨᠠᠶᠢᠳᠠᠪᠣᠷᠢᠵᠢᠭᠤᠯᠵᠣ᠂ ᠭᠠᠴᠠᠭ᠎ᠠ | ᠲᠣᠰᠬᠤᠨ ᠤ ᠲᠥᠷᠢ ᠲᠥᠷᠬᠦ ᠶᠢ ᠦᠨᠳᠦᠰᠦᠨ ᠠᠴᠠ ᠨᠢ ᠬᠤᠪᠢᠷᠠᠭᠤᠯᠬᠤ ᠪᠠᠷ ᠴᠢᠷᠮᠠᠶᠢᠨ᠎ᠠ᠃ | ︵ ᠲᠠᠪᠤ︶ ᠲᠥᠪ ᠰᠢᠳᠤᠷᠭᠤ ᠠᠷᠢᠭᠤᠨ ᠴᠢᠭᠡᠴᠢ ᠪᠠᠶᠢᠬᠤ ᠶᠢ ᠪᠠᠷᠢᠮᠲᠠᠯᠠᠨ᠂ ᠬᠥᠭᠵᠢᠯᠲᠡ ᠳᠤ ᠣᠶᠢᠯᠡᠴᠢᠯᠡᠬᠦ | ᠣᠯᠣᠰ ᠲᠥᠷᠥ ᠶᠢᠨ ᠣᠷᠴᠢᠨ ᠲᠣᠭᠤᠷᠢᠨ ᠢ ᠲᠠᠰᠣᠷᠠᠯᠳᠠ ᠥᠭᠡᠢ ᠪᠣᠢ ᠪᠣᠯᠭᠠᠨ᠎ᠠ᠃︽ᠭᠤᠷᠪᠠᠨ ᠴᠢᠩᠭ᠎ᠠ | ᠭᠤᠷᠪᠠᠨ ᠪᠣᠳᠠᠲᠠᠢ︾ ᠲᠣᠰᠬᠠᠢ ᠰᠡᠳᠣᠪᠳᠣ ᠬᠥᠮᠥᠵᠢᠯ ᠢ ᠡᠬᠢᠨ ᠠᠴᠠ ᠠᠳᠠᠭ ᠲᠤᠨᠢ ᠬᠦᠷᠲᠡᠯ᠎ᠡ ᠰᠠᠶᠢᠳᠣᠷ | ᠠᠳᠬᠤᠨ᠎ᠠ᠃ ᠣᠳᠣᠷᠢᠳᠬᠤ ᠺᠠᠳ᠋ᠷᠴᠤᠳ ᠲᠡᠷᠢᠭᠦᠯᠨᠨ᠂ ᠲᠠᠭᠤᠷᠢᠶᠠᠯ ᠥᠵᠡᠭᠦᠯᠵᠣ᠂ ᠰᠢ ᠶᠢᠨ ᠫᠢᠡᠭ ᠶᠡᠷᠥᠩᠬᠢ | ᠱᠥᠵᠢ ᠶᠢᠨ ᠲᠣᠷᠠᠳᠣᠨ ᠭᠠᠷᠭᠠᠭᠰᠠᠨ ︽ᠭᠤᠷᠪᠠᠨ ᠴᠢᠩᠭ᠎ᠠ ᠭᠤᠷᠪᠠᠨ ᠪᠣᠳᠠᠲᠠᠢ》 ᠵᠢᠨᠲ᠋ᠠᠭᠤᠷᠢᠶᠠᠯ ᠪᠣᠯᠬᠤ ︽ | ᠲᠥᠷᠪᠡᠨ ᠴᠢᠬᠤᠯᠠ ᠱᠠᠭᠠᠷᠳᠠᠯᠭ᠎ᠠ︾ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠡᠩ ᠤᠨ ᠨᠠᠮ ᠤᠨ ᠭᠡᠰᠢᠭᠦᠨ ᠴᠣ᠋ ︽ | ᠭᠤᠷᠪᠠᠨ ᠴᠢᠩᠭ᠎ᠠ ᠭᠤᠷᠪᠠᠨ ᠪᠣᠳᠠᠲᠠᠢ》 ᠶᠢᠨ ᠱᠠᠭᠠᠷᠳᠠᠯᠭ᠎ᠠ ᠶᠣᠰᠣᠭᠠᠷ ᠠᠵᠢᠯᠯᠠᠵᠤ᠂ ᠣᠶᠢᠯᠡ ᠠᠵᠢᠯᠯᠠᠭ᠎ᠠ | ᠳᠡᠭᠡᠷ᠎ᠡ ᠪᠠᠨ ᠢᠯᠡᠷᠡᠭᠦᠯᠭᠦ ᠭᠡᠷᠡᠭᠳᠠᠢ᠃ ᠠᠰᠠᠭᠤᠳᠠᠯ ᠤᠨ ᠣᠳᠣᠷᠢᠳᠣᠮᠵᠢ ᠶᠢ ᠲᠣᠪᠣᠶᠢᠯᠭᠠᠵᠣ᠂ ᠬᠥᠮᠥᠵᠢᠯ | ᠣᠶᠢᠯᠡᠳᠣᠯᠭᠡ ᠶᠢᠨ ᠠᠵᠢᠯᠯᠠᠭ᠎ᠠ ᠪᠠ ︽ ᠭᠤᠷᠪᠠᠨ ᠴᠢᠩᠭ᠎ᠠ ᠭᠤᠷᠪᠠᠨ ᠪᠣᠳᠠᠲᠠᠢ︾ ᠲᠣᠰᠬᠠᠢ ᠰᠡᠳᠣᠪᠳᠣ | ᠬᠥᠮᠥᠵᠢᠯ ᠳᠤᠮᠳᠠ ᠪᠠᠶᠢᠴᠠᠭᠠᠨ ᠭᠠᠷᠭᠠᠭᠰᠠᠨ ︽ᠲᠥᠷᠪᠡᠨ ᠰᠣᠷᠳᠠᠯ》 ᠤᠨ ᠠᠰᠠᠭᠤᠳᠠᠯ ᠢ ᠬᠢᠨᠠᠮᠠᠭᠠᠢ ᠴᠡᠭᠴᠡᠯᠡᠨ | ᠨᠠᠶᠢᠳᠠᠪᠣᠷᠢᠵᠢᠭᠤᠯᠵᠣ᠂ ᠲᠣᠰᠬᠠᠢ ᠰᠡᠳᠣᠪᠳᠣ ᠬᠥᠮᠥᠵᠢᠯ ᠤᠨ ᠥᠷ᠎ᠡ ᠪᠥᠳᠥᠮᠵᠢ ᠶᠢ ᠡᠯ᠎ᠡ ᠲᠥᠷᠥᠯ ᠤᠨ ᠠᠵᠢᠯ | ᠢ ᠲᠥᠯᠬᠢᠨ ᠠᠬᠢᠭᠤᠯᠬᠤ ᠬᠥᠳᠡᠯᠭᠡᠬᠦ ᠬᠥᠴᠥᠨ ᠪᠣᠯᠭᠠᠨ ᠦᠨᠡᠨᠭᠦ ᠬᠤᠪᠢᠷᠠᠭᠤᠯᠬᠤ ᠭᠡᠷᠡᠭᠳᠠᠢ᠃ ᠠᠵᠢᠯ ᠬᠢᠵᠣ | ᠠᠳᠠᠯ ᠪᠣᠰᠬᠠᠬᠤ ᠠᠭᠤᠷ ᠠᠮᠢᠰᠬᠤᠯ ᠢ ᠢᠳᠡᠪᠬᠢᠲᠠᠢ ᠪᠠᠷ ᠪᠣᠢ ᠪᠣᠯᠭᠠᠵᠣ᠂ ᠡᠯ᠎ᠡ ᠱᠠᠳᠣᠨ ᠤ ᠨᠠᠮ ᠤᠨ | ᠺᠠᠳ᠋ᠷᠴᠤᠳ ᠣᠷᠬᠢᠯᠣᠮ᠎ᠠ ᠰᠠᠳᠬᠢᠯᠭᠡ ᠲᠠᠢ᠂ ᠬᠠᠳᠠᠭᠤᠵᠢᠯᠲᠠᠢ ᠂ ᠬᠠᠷᠢᠴᠠᠭᠤᠯᠭ᠎ᠠ ᠲᠠᠢ᠂ ᠰᠠᠬᠢᠯᠭ᠎ᠠ ᠵᠢᠷᠤᠮ ᠲᠠᠢ | ᠪᠠᠶᠢᠵᠥ᠂ ᠲᠥᠪ ᠴᠢᠭᠴᠢ ᠳᠠᠷᠤᠭ᠎ᠠ ᠪᠣᠯᠵᠣ᠂ ᠦᠨᠡᠨᠴᠢ ᠰᠢᠳᠤᠷᠭᠤ ᠬᠥᠮᠥᠨ ᠪᠣᠯᠵᠣ᠂ ᠲᠦᠪ ᠭᠤᠤᠯᠴᠢ ᠪᠠᠷ | ᠠᠵᠢᠯᠯᠠᠬᠤ ᠭᠡᠷᠡᠭᠳᠠᠢ᠃ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠣᠯᠳᠠ ᠶᠢᠨ ︽ᠬᠤᠣᠰ ᠬᠠᠷᠢᠭᠤᠴᠠᠯᠭ᠎ᠠ | 》 ᠶᠢ ᠲᠥᠪ ᠴᠢᠩᠭ᠎ᠠ ᠪᠠᠷ ᠨᠠᠶᠢᠳᠠᠪᠣᠷᠢᠵᠢᠭᠤᠯᠵᠣ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠣᠯᠳᠠ ᠶᠢᠨ | ᠬᠠᠷᠢᠭᠤᠴᠠᠯᠭᠠᠳᠠᠣᠨ ᠨᠢᠭᠡᠳᠣᠭᠡᠷ ᠬᠠᠷᠢᠭᠤᠴᠠᠯᠭᠠᠳᠠᠨ ᠤ ᠡᠭᠦᠷᠭᠡ ᠪᠠᠨ ᠬᠢᠨᠠᠮᠠᠭᠠᠢ ᠪᠠᠷ ᠬᠥᠢᠴᠡᠳᠬᠡᠵᠣ᠂ ᠪᠠᠭ ᠤᠨ | ᠬᠡᠰᠢᠭᠦᠳ ︽ᠨᠢᠭᠡ ᠪᠠᠶᠢᠷᠢ ᠬᠤᠣᠰ ᠬᠠᠷᠢᠭᠤᠴᠠᠯᠭ᠎ᠠ 》 ᠶᠢ ᠪᠠᠷᠢᠮᠳᠠᠯᠠᠨ᠂ ᠨᠠᠮ ᠢᠶᠠᠨ ᠴᠢᠩᠭ᠎ᠠ ᠪᠠᠷ ᠵᠠᠰᠠᠬᠤ | ᠬᠠᠷᠢᠭᠤᠴᠠᠯᠭ᠎ᠠ ᠶᠢ ᠥᠨᠡᠨᠬᠦ ᠡᠭᠦᠷᠭᠡᠯᠡᠵᠣ᠂ ᠰᠠᠶᠢᠳᠣᠷ ᠨᠠᠶᠢᠳᠠᠪᠣᠷᠢᠵᠢᠭᠤᠯᠣᠨ᠎ᠠ᠃ ᠥᠪᠡᠷ ᠤᠨ ᠪᠠᠶ᠎ᠡ ᠪᠠᠷ ᠢᠶᠠᠨ | ᠳᠠᠭᠤᠷᠢᠶᠠᠯ ᠥᠵᠡᠭᠦᠯᠵᠥ᠂ ᠨᠠᠮ ᠤᠨ ᠭᠡᠰᠢᠭᠦᠨ ᠺᠠᠳ᠋ᠷᠴᠤᠳ ᠨᠡᠩ ᠢᠯᠠᠩᠭᠤᠶ᠎ᠠ ᠣᠳᠣᠷᠢᠳᠬᠤ ᠺᠠᠳ᠋ᠷᠴᠤᠳ | ᠡᠷᠭᠡᠪᠰᠢ ᠲᠥᠪ ᠤᠨ ᠨᠠᠢᠮᠠᠨ ᠵᠦᠢᠯ ᠤᠨ ᠲᠣᠭᠲᠠᠭᠠᠯ ᠪᠠ ᠥᠪᠡᠷᠳᠡᠭᠡᠨ ᠵᠠᠰᠠᠬᠤ ᠣᠷᠣᠨ᠂ ᠠᠶᠢᠮᠠᠭ᠂ | ᠬᠤᠰᠢᠭᠤᠨ ᠤ ᠲᠦᠬᠦᠷᠵᠢᠬᠦᠯᠦᠭᠰᠡᠨ ᠲᠣᠭᠲᠠᠭᠠᠯ ᠢ ᠲᠡᠷᠢᠭᠦᠯᠡᠨ ᠲᠣᠣᠱᠯᠠᠭᠤᠯᠣᠨ ᠬᠡᠷᠡᠭᠵᠢᠭᠦᠯᠵᠥ᠂ ᠥᠪᠡᠷ ᠢ | ᠪᠠᠨ ᠰᠠᠶᠢᠳᠣᠷ ᠬᠠᠮᠢᠶᠠᠷᠴᠣ᠂ ᠲᠥᠷᠥᠯ ᠰᠠᠳᠣᠨ ᠵᠶ᠋ᠠᠨᠰᠠᠶᠢᠳᠣᠷ ᠬᠠᠮᠢᠶᠠᠷᠴᠣ᠂ ᠳᠡᠷᠭᠡᠳᠡᠬᠢ ᠠᠵᠢᠯᠲᠠᠳ ᠢᠶᠠᠨ | ᠰᠠᠶᠢᠳᠣᠷ ᠬᠠᠮᠢᠶᠠᠷᠴᠣ᠂ ᠬᠥᠮᠥᠨ ᠪᠣᠯᠬᠤ᠂ ᠬᠡᠷᠡᠭ ᠰᠢᠢᠳᠪᠣᠷᠢᠯᠡᠬᠦ᠂ ᠡᠷᠬᠡ ᠬᠡᠷᠡᠭᠯᠡᠬᠦ᠂ ᠨᠠᠶᠢᠵᠠᠯᠠᠬᠤ ᠶᠢᠨ ᠬᠤᠷᠢᠭ᠎ᠠ | ᠱᠣᠭᠤᠮ ᠢ ᠰᠠᠬᠢᠵᠣ᠂ ᠵᠥᠪ ᠣᠨᠣᠪᠴᠢᠲᠠᠢ ᠠᠮᠢᠳᠣᠷᠠᠯ ᠤᠨ ᠥᠵᠡᠯᠳᠡ ᠶᠢ ᠵᠢᠷᠤᠮᠯᠠᠬᠤ ᠭᠡᠷᠡᠭᠳᠠᠢ᠃ ︽ | ᠳᠣᠮᠳᠠᠳᠣ ᠣᠯᠣᠰ ᠤᠨ ᠡᠪ ᠬᠠᠮᠳᠣ ᠨᠠᠮ ᠤᠨ ᠠᠷᠢᠭᠤᠨ ᠴᠢᠭᠡᠴᠢ ᠪᠠᠷ ᠪᠡᠶ᠎ᠡ ᠪᠠᠨ ᠱᠠᠭᠠᠷᠳᠠᠬᠤ ᠳᠦᠷᠢᠮ︾ | ᠪᠠ︽ᠳᠣᠮᠳᠠᠳᠣ ᠣᠯᠣᠰ ᠤᠨ ᠡᠪ ᠬᠠᠮᠳᠣ ᠨᠠᠮ ᠤᠨ ᠰᠠᠬᠢᠯᠭ᠎ᠠ ᠪᠠᠳᠣ ᠶᠢᠨ ᠰᠢᠳᠬᠡᠯ ᠤᠨ ᠲᠣᠭᠲᠠᠭᠠᠯ 》 ᠢ | ᠬᠢᠨᠠᠮᠠᠭᠠᠢ ᠰᠣᠷᠣᠯᠴᠠᠨ ᠲᠣᠣᠱᠯᠠᠭᠤᠯᠵᠣ᠂ ᠰᠡᠳᠬᠢᠯ ᠳᠤ ᠪᠠᠨ ᠰᠢᠩᠭᠡᠭᠡᠵᠦ᠂ ᠠᠵᠢᠯᠯᠠᠭ᠎ᠠ ᠳᠤ ᠪᠠᠨ | ᠤᠶᠢᠯᠡᠳᠤᠯᠭᠡᠵᠢᠭᠦᠯᠭᠦ ᠭᠡᠷᠡᠭᠳᠠᠢ᠃ ᠢᠯᠵᠡᠷᠡᠮᠡᠯ ᠢ ᠡᠬᠢ ᠡᠭᠦᠰᠥᠯ ᠠᠴᠠ ᠨᠢ ᠰᠡᠷᠭᠡᠶᠢᠯᠡᠬᠦ ᠶᠢ ᠴᠢᠩᠭᠠᠳᠬᠠᠵᠣ᠂ | ᠰᠠᠬᠢᠯᠭ᠎ᠠ ᠪᠠᠳᠣ ᠶᠢ ᠬᠠᠣᠯᠢ ᠠᠴᠠ ᠢᠯᠡᠭᠦᠥ ᠴᠢᠩᠭᠠᠳᠬᠠᠬᠤ ᠶᠢ ᠪᠠᠷᠢᠮᠳᠠᠯᠠᠨ᠂ ᠰᠠᠬᠢᠯᠭ᠎ᠠ ᠪᠠᠳᠣ ᠪᠠ ᠶᠣᠰᠣ | ᠵᠢᠷᠤᠮ ᠢ ᠲᠡᠷᠢᠭᠦᠨ ᠪᠠᠶᠢᠷᠢᠨ ᠳᠤ ᠲᠠᠯᠪᠢᠵᠣ᠂ ᠨᠠᠮ ᠤᠨ ᠺᠠᠳ᠋ᠷᠴᠣᠳ ᠤᠨ ᠡᠳᠣᠷ ᠲᠣᠳᠣᠮ ᠤᠨ ᠬᠢᠨᠠᠯᠳᠠ ᠶᠢ | ᠴᠢᠩᠭᠠᠳᠬᠠᠵᠣ᠂ ᠢᠯᠡᠷᠡᠭᠦ ᠰᠢᠨᠵᠢᠳᠠᠢ ᠪᠠ ᠭᠡᠯᠪᠡᠶᠢᠭᠦ ᠰᠢᠨᠵᠢᠳᠠᠢ ᠠᠰᠠᠭᠤᠳᠠᠯ ᠢ ᠴᠠᠭ ᠲᠣᠬᠠᠢ ᠳᠤ ᠨᠢ | ᠢᠯᠡᠷᠡᠭᠦᠯᠬᠦ ᠪᠠ ᠵᠠᠯᠠᠷᠠᠭᠤᠯᠬᠤ᠂ ᠪᠠᠭ᠎ᠠ ᠠᠰᠠᠭᠤᠳᠠᠯ ᠨᠢ ᠶᠡᠭᠡ ᠠᠰᠠᠭᠤᠳᠠᠯ ᠪᠣᠯᠣᠨ ᠬᠤᠪᠢᠷᠠᠬᠤ ᠶᠢ ᠰᠡᠷᠭᠡᠶᠢᠯᠡᠨ᠎ᠡ᠃ | ᠰᠣᠷᠳᠠᠯ ᠢ ᠴᠢᠩᠲᠠᠯᠡᠨ ᠰᠠᠬᠢᠯᠭ᠎ᠠ ᠶᠢ ᠴᠢᠩᠭᠠᠳᠬᠠᠬᠤ ᠶᠢ ᠪᠠᠷᠢᠮᠳᠠᠯᠠᠨ᠂ ︽ᠲᠥᠷᠪᠠᠨ ᠰᠣᠷᠳᠠᠯ︾ ᠤᠨ | ᠠᠰᠠᠭᠤᠳᠠᠯ ᠢ ᠵᠣᠭᠰᠣᠯᠳᠠ ᠥᠭᠡᠢ ᠵᠠᠯᠠᠷᠠᠭᠤᠯᠣᠨ ᠰᠢᠢᠳᠪᠣᠷᠢᠯᠡᠵᠥ᠂ ᠬᠤᠰᠢᠭᠤᠨ ᠤ ᠨᠠᠮ ᠤᠨ ᠬᠤᠷᠢᠶᠠᠨ ᠤ | ᠲᠣᠭᠤᠷᠢᠨ ᠪᠠᠶᠢᠴᠠᠭᠠᠬᠤ ᠠᠵᠢᠯ ᠤᠨ ᠲᠣᠭᠤᠶᠢᠯᠠᠩ ᠤᠨ ᠣᠶᠢᠯᠡᠳᠣᠯ ᠢ ᠬᠥᠢᠴᠡᠳ ᠪᠠᠳᠠᠷᠠᠭᠤᠯᠵᠣ᠂ ᠠᠵᠢᠯ ᠬᠢᠬᠦ | ᠥᠭᠡᠢ᠂ ᠣᠳᠠᠭᠠᠰᠢᠷᠠᠭᠤᠯᠵᠥ ᠬᠢᠭᠦ ᠪᠠ ᠵᠠᠰᠠᠭ ᠤᠨ ᠶᠠᠪᠣᠳᠠᠯ ᠢ ᠬᠤᠶᠢᠷᠭᠤᠰᠢᠭᠤᠯᠵᠣ ᠣᠮᠳᠠᠭᠠᠶᠢᠯᠠᠬᠤ ᠵᠡᠷᠭᠡ | ᠣᠶᠢᠯᠡ ᠶᠠᠪᠣᠳᠠᠯ ᠢ ᠴᠢᠩᠭ᠎ᠠ ᠪᠠᠷ ᠪᠠᠶᠢᠴᠠᠭᠠᠨ ᠰᠢᠳᠭᠡᠵᠣ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠯ᠎ᠡ ᠲᠥᠷᠥᠯ ᠤᠨ ᠰᠢᠢᠳᠪᠣᠷᠢᠳᠥ ᠪᠤᠳᠥᠯᠭ᠎ᠠ ᠶᠢᠨ ᠨᠠᠶᠢᠳᠠᠪᠦᠷᠢᠵᠢᠬᠤ ᠶᠢ ᠪᠠᠳᠣᠯᠠᠨ᠎ᠠ᠃ ᠰᠠᠬᠢᠯᠭ᠎ᠠ | ᠬᠡᠷᠡᠭᠵᠢᠭᠦᠯᠵᠥ ᠬᠠᠷᠢᠭᠤᠴᠠᠯᠭ᠎ᠠ ᠨᠡᠬᠡᠮᠵᠢᠯᠡᠬᠦ ᠬᠥᠴᠥᠯᠡᠴᠡ ᠪᠠᠨ ᠥᠷᠭᠦᠯᠵᠢᠯᠡᠨ ᠶᠡᠬᠡᠰᠬᠡᠵᠣ᠂ ᠡᠯ᠎ᠡ ᠲᠥᠷᠥᠯ ᠤᠨ | ᠰᠠᠬᠢᠯᠭ᠎ᠠ ᠲᠥᠷᠢᠮ ᠠᠴᠠ ᠵᠥᠷᠢᠴᠡᠭᠰᠡᠨ ᠠᠰᠠᠭᠤᠳᠠᠯ ᠢ ᠴᠢᠩᠭ᠎ᠠ ᠪᠠᠷ ᠪᠠᠶᠢᠴᠠᠭᠠᠨ ᠰᠢᠳᠬᠡᠵᠣ᠂ ︽ ᠲᠥᠷᠪᠡᠨ | ᠵᠣᠶᠢᠯ ᠤᠨ ᠪᠠᠶᠢᠳᠠᠯ︾ ᠢ ᠶᠡᠷᠥᠩᠬᠡᠶᠢᠯᠡᠨ ᠬᠡᠷᠡᠭᠯᠡᠵᠦ᠂ ᠺᠠᠳ᠋ᠷᠴᠣᠳ ᠤᠨ ᠬᠢᠨᠠᠨ ᠬᠠᠮᠢᠶᠠᠷᠥᠯᠳᠠ ᠶᠢ | ᠴᠢᠩᠭᠠᠳᠬᠠᠵᠣ᠂ ᠺᠠᠳ᠋ᠷᠴᠣᠳ ᠲᠦᠪ ᠴᠢᠭᠡᠴᠢ᠂ ᠵᠠᠰᠠᠭ ᠤᠨ ᠤᠷᠳᠤᠨ ᠠᠷᠢᠭᠤᠨ ᠴᠢᠭᠡᠴᠢ᠂ ᠤᠯᠤᠰ ᠲᠦᠷᠦ | ᠠᠷᠢᠭᠤᠨ ᠲᠤᠩᠭᠠᠯᠠᠭ ᠣᠷᠴᠢᠨ ᠲᠣᠭᠤᠷᠢᠨ ᠢ ᠴᠢᠷᠮᠠᠶᠢᠨ ᠪᠣᠢ ᠪᠣᠯᠭᠠᠨ᠎ᠡ᠃ | ᠲᠦᠯᠦᠭᠡᠯᠡᠭᠴᠢᠳ ᠡ᠂ ᠨᠦᠭᠦᠳ ᠡ᠂ ᠠᠰᠣᠷᠣ ᠶᠡᠭᠡ ᠲᠥᠯᠥᠪᠵᠢᠭᠦᠯᠭᠡ ᠶᠢᠨ ᠵᠢᠷᠤᠭ ᠢ ᠨᠢᠭᠡᠨᠳᠠ ᠵᠢᠷᠣᠭᠯᠠᠪᠠ᠂ | ᠰᠥᠷᠯᠢᠭ ᠰᠠᠶᠢᠬᠠᠨ ᠢᠷᠡᠭᠡᠳᠣᠢ ᠶᠢᠨ ᠲᠦᠰᠤᠪ ᠪᠢᠳᠡᠨ ᠢ ᠵᠤᠷᠢᠭᠵᠢᠭᠤᠯᠵᠥ ᠪᠠᠶᠢᠨ᠎ᠠ᠂ ᠡᠭᠦᠷᠭᠡᠯᠡᠵᠥ ᠪᠠᠶᠢᠭ᠎ᠠ | ᠬᠠᠷᠢᠭᠤᠴᠠᠯᠭ᠎ᠠ ᠬᠥᠨᠳᠣ ᠴᠢᠬᠤᠯᠠ ᠮᠥᠷᠲᠡᠭᠡᠨ ᠢᠷᠠᠭᠤ ᠠᠯᠳᠠᠷ ᠲᠠᠢ ᠃ ᠪᠢᠳᠠ ᠠᠶᠢᠮᠠᠭ ᠤᠨ ᠨᠠᠮ ᠤᠨ | ᠬᠤᠷᠢᠶ᠎ᠠ᠂ ᠵᠠᠬᠢᠷᠭᠠᠨ ᠤ ᠵᠥᠪ ᠣᠨᠣᠪᠴᠢᠲᠠᠢ ᠣᠳᠣᠷᠢᠳᠣᠯᠭ᠎ᠠ ᠳᠣᠣᠷ᠎ᠠ᠂ ᠰᠢᠨ᠎ᠡ ᠤᠶᠢᠯᠠᠭᠠᠭᠳᠠᠬᠤᠨ ᠢ ᠪᠤᠢ | ᠪᠣᠯᠭᠠᠵᠤ᠂ ᠰᠢᠨ᠎ᠡ ᠠᠵᠠ ᠲᠣᠬᠢᠶᠠᠯ ᠢ ᠠᠳᠬᠤᠨ᠂ ᠰᠢᠨ᠎ᠡ ᠬᠡᠪ ᠤᠨ ᠪᠠᠶᠢᠳᠠᠯ ᠢ ᠵᠢᠯᠣᠭᠤᠳᠣᠨ᠂ ᠤᠷᠭᠢᠯᠤᠮ᠎ᠠ | ᠬᠠᠯᠠᠭᠤᠨ ᠰᠡᠳᠭᠢᠯᠭᠡ ᠢᠶᠠᠷ᠂ ᠬᠥᠪᠴᠢᠯᠡᠭᠰᠡᠨ ᠡᠷᠴᠢ ᠵᠣᠷᠢᠭ ᠢᠶᠠᠷ᠂ ᠪᠣᠳᠠᠲᠠᠢ ᠶᠢ ᠡᠷᠬᠢᠮᠯᠡᠬᠦ ᠣᠪᠣᠷ ᠰᠣᠷᠳᠠᠯ | ᠢᠶᠠᠷ᠂ ᠦᠨᠡᠨᠬᠦ ᠠᠳᠬᠤᠵᠤ ᠪᠣᠳᠠᠲᠠᠢ ᠪᠠᠷ ᠠᠵᠢᠯᠯᠠᠨ᠂ ᠨᠡᠭᠡᠭᠡᠯᠳᠠ ᠲᠠᠢ ᠪᠠᠷ ᠰᠢᠨ᠎ᠡ ᠶᠢ ᠡᠭᠦᠳᠴᠥ᠂ | ᠴᠢᠨᠡᠭᠡᠯᠢᠭ ᠨᠡᠶᠢᠬᠡᠮ ᠢ ᠣᠷᠢᠳᠴᠢᠯᠠᠨ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ ᠬᠠᠷᠠᠯᠳᠠ ᠶᠢ ᠪᠡᠶᠡᠯᠡᠭᠦᠯᠭᠦ ᠶᠢᠨ | ᠲᠥᠯᠥᠭᠡ ᠴᠢᠷᠮᠠᠶᠢᠨ ᠲᠠᠮᠡᠴᠡᠰᠣᠭᠡᠢ︕ | | | | | | |