2017 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
2016 ᠤᠨ ᠤ ᠠᠵᠢᠯ ᠤᠨ ᠡᠷᠭᠢᠴᠡᠭᠦᠯᠦᠯ ᠨᠢᠭᠡ ᠵᠢᠯ ᠤᠨ ᠲᠤᠷᠰᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ  ᠤᠨ ᠬᠤᠷᠢᠶᠠᠨ  ᠤ ᠡᠷᠠᠰ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤᠨ ᠤ ᠠᠷᠠᠳ  ᠤᠨ ᠵᠠᠰᠠᠭ ᠤᠨ ᠣᠷᠳᠣᠨ ᠰᠢ ᠶᠢᠨ ᠫᠢᠩ ᠶᠠᠷᠤᠩᠬᠡᠢ ᠱᠦᠵᠢ ᠪᠠᠷ ᠭᠤᠣᠯ ᠪᠣᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠠᠨ ᠪᠦᠯᠬᠦᠮᠳᠡᠵᠤ ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠰᠢ ᠶᠢᠨ ᠫᠢᠩ ᠶᠠᠷᠤᠩᠬᠡᠢ ᠱᠦᠵᠢ ᠶᠢᠨ ᠰᠢᠷᠢᠰ ᠴᠢᠬᠤᠯᠠ ᠶᠠᠷᠢᠶ᠎ᠠ ᠶᠢ ᠬᠦᠨᠵᠡᠬᠡᠢ ᠨᠠᠶᠢᠳᠠᠪᠣᠷᠢᠵᠢᠭᠤᠯᠣᠨ ᠲᠤᠤᠱᠯᠠᠭᠤᠯᠵᠤ᠂ ︽ᠰᠢᠨ᠎ᠠ ᠶᠢ ᠡᠬᠦᠳᠬᠦ᠂ ᠪᠤᠬᠢᠷᠳᠤᠯ ᠦᠭᠡᠢ᠂ ᠡᠶ᠎ᠡ ᠵᠤᠬᠢᠴᠠᠩᠭᠤᠢ᠂ ᠴᠢᠯᠦᠬᠡᠲᠠᠢ᠂ ᠬᠠᠮᠲᠤᠪᠠᠷ ᠡᠳ᠋ᠯᠡᠬᠦ︾ ᠬᠦᠭᠵᠢᠯᠲᠠ ᠶᠢᠨ ᠦᠵᠡᠯᠳᠡ ᠶᠢ ᠦᠢᠯᠡᠳᠦᠯᠭᠡᠵᠢᠭᠦᠯᠵᠤ᠂ ᠪᠦᠬᠦ ᠬᠤᠰᠢᠭᠤᠨ ᠤ ᠦᠨᠳᠦᠰᠦᠳᠡᠨ  ᠨᠦᠭᠦᠳ ᠤᠨ ᠺᠠᠳ᠋ᠷ ᠣᠯᠠᠨ ᠲᠦᠮᠡᠨ ᠢ ᠲᠠᠶᠢᠴᠢᠯᠠᠵᠤ᠂ ᠠᠵᠤ ᠠᠬᠤᠢ ᠶᠢᠨ ᠬᠡᠴᠡᠭᠦᠦ ᠰᠢᠯᠭᠠᠯᠲᠠ ᠶᠢᠨ ᠲᠤᠮᠳᠠ ᠡᠷᠡᠯᠬᠡᠯᠡᠨ ᠤᠷᠤᠭᠰᠢᠯᠠᠵᠤ᠂ ᠡᠯ᠎ᠠ ᠲᠦᠷᠦᠯ ᠤᠨ ᠬᠠᠷᠠᠯᠲᠠ ᠡᠬᠦᠷᠬᠡ ᠪᠠᠨ ᠠᠮᠵᠢᠯᠲᠠᠲᠠᠢ ᠪᠡᠶᠡᠯᠡᠬᠦᠯᠦᠭᠰᠠᠨ ᠪᠠᠶᠢᠨ᠎ᠠ᠃ ᠲᠥᠰᠦᠪᠯᠡᠭᠰᠡᠨ ᠢᠶᠠᠷ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠥᠩᠬᠡᠢ ᠦᠷᠳᠡᠭ  ᠢ ᠪᠠᠷᠤᠭ 118 ᠳ᠋ᠦᠡᠭᠰᠢᠭᠤᠷ ᠲᠥᠭᠦᠷᠢᠭ ᠪᠡᠶᠡᠯᠡᠭᠦᠯᠵᠣ᠂ 8%  ᠪᠠᠷ ᠨᠠᠮᠡᠭᠳᠡᠪᠡ︔ ᠨᠠᠶᠢᠳᠡ ᠶᠢᠨ ᠡᠳ᠋ ᠤᠨ ᠵᠠᠰᠠᠭ ᠤᠨ ᠲᠥᠰᠥᠪ ᠤᠨ ᠣᠷᠣᠯᠭ᠎ᠠ  ᠶᠢ 12 ᠳ᠋ᠥᠡᠭᠰᠢᠭᠤᠷ ᠲᠥᠭᠦᠷᠢᠭ ᠪᠠᠶᠡᠯᠡᠭᠦᠯᠵᠣ᠂ 8%  ᠪᠠᠷ ᠨᠡᠮᠡᠭᠳᠡᠪᠠ︔ ᠬᠤᠳᠡ ᠪᠠᠯᠭᠠᠰᠤᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠠᠨ ᠡᠵᠡᠮᠳᠡᠵᠤ ᠪᠣᠯᠬᠤ ᠣᠷᠣᠯᠭ᠎ᠠ 34920 ᠲᠥᠭᠦᠷᠢᠭ ᠲᠤ ᠬᠦᠷᠴᠤ᠂ 9%  ᠪᠠᠷ ᠨᠡᠮᠡᠭᠳᠡᠪᠠ︔ ᠮᠠᠯᠵᠢᠬᠤ ᠲᠠᠷᠢᠶᠠᠯᠠᠬᠤ ᠣᠷᠣᠨ ᠤ ᠪᠠᠶᠢᠡᠭᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠠᠨ ᠡᠵᠡᠮᠳᠡᠵᠤ ᠪᠣᠯᠬᠤ ᠣᠷᠣᠯᠭ᠎ᠠ 16146 ᠲᠥᠭᠦᠷᠢᠭ ᠲᠤ ᠬᠦᠷᠴᠤ᠂ 9% ᠪᠠᠷ ᠨᠡᠮᠡᠭᠳᠡᠪᠠ᠃ ᠡᠯ᠎ᠡ ᠲᠥᠷᠦᠯ ᠤᠨ ᠬᠢᠵᠠᠭᠠᠷᠯᠠᠯ ᠤᠨ ᠴᠢᠨᠠᠷᠲᠠᠢ ᠭᠦᠢᠴᠡᠳᠭᠡᠯ ᠲᠤᠭ᠎ᠠ ᠶᠢ ᠲᠡᠭᠡᠳᠤ ᠱᠠᠲᠤᠨ ᠠᠴᠠ ᠱᠠᠭᠠᠷᠳᠠᠭᠰᠠᠨ ᠬᠠᠷᠠᠯᠳᠠ ᠳᠤᠲᠤᠷ᠎ᠠ  ᠬᠢᠵᠠᠭᠠᠷᠯᠠᠪᠠ᠃ᠨᠢᠭᠡ ᠵᠢᠯ ᠤᠨ ᠲᠣᠷᠰᠢ᠂ ᠪᠢᠳᠡ ᠭᠤᠣᠯᠳᠠᠭᠤ ᠳᠣᠣᠷᠠᠬᠢ ᠵᠢᠷᠭᠤᠭᠠᠨ ᠲᠥᠷᠦᠯ  ᠤᠨ ᠠᠵᠢᠯ  ᠢ ᠲᠥᠯᠬᠢᠨ ᠠᠬᠢᠭᠤᠯᠪᠠ᠄ᠨᠢᠭᠡ᠂ ᠪᠡᠯᠡ ᠣᠷᠣᠭᠤᠯᠣᠯᠳᠡ ᠪᠠᠨ ᠦᠷᠬᠡᠳᠬᠡᠬᠦ ᠶᠢ ᠪᠠᠷᠢᠮᠳᠠᠯᠠᠵᠤ᠂ ᠠᠵᠤ ᠠᠬᠤᠢ ᠶᠢᠨ ᠨᠡᠮᠡᠭᠳᠡᠯ ᠤᠨ ᠰᠠᠭᠤᠷᠢ  ᠪᠠᠨ ᠲᠣᠭᠳᠠᠪᠣᠷᠢᠵᠢᠭᠤᠯᠪᠠ ᠪᠡᠯᠡ ᠤᠷᠤᠭᠤᠯᠤᠯᠲᠠ ᠶᠢᠨ ᠲᠤᠭᠲᠠᠭᠤᠨ ᠢᠶᠠᠷ ᠨᠡᠮᠡᠭᠳᠡᠬᠦ ᠦᠢᠯᠡᠳᠦᠯ ᠢ ᠪᠠᠳᠠᠷᠠᠭᠤᠯᠵᠤ᠂ 73 ᠭᠤᠣᠯᠳᠠᠯᠭ᠎ᠠ ᠲᠠᠢ ᠲᠥᠷᠦᠯ ᠵᠦᠢᠯ ᠤᠨ ᠪᠦᠬᠦᠨ ᠢᠶᠠᠷ ᠢᠶᠠᠨ ᠪᠠᠷᠢᠯᠭ᠎ᠠ ᠪᠠᠨ ᠡᠬᠢᠯᠡᠭᠦᠯᠣᠨ ᠪᠠᠶᠢᠭᠤᠯᠣᠯᠳᠡ ᠬᠢᠭᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠣ᠂ 189 ᠳ᠋ᠥᠡᠭᠰᠢᠭᠤᠷ ᠲᠥᠭᠦᠷᠢᠭ ᠪᠡᠯᠡ ᠤᠷᠤᠭᠤᠯᠤᠯᠳᠡ ᠶᠢ ᠪᠡᠶᠡᠯᠠᠭᠦᠯᠵᠤ᠂ ᠵᠢᠯ ᠤᠨ ᠲᠥᠯᠦᠪᠯᠡᠭᠡᠨ ᠤ 124 % ᠶᠢ ᠪᠡᠶᠡᠯᠡᠭᠦᠯᠵᠤ᠂ ᠠᠳᠠᠯᠢ ᠬᠤᠭᠤᠴᠠᠭᠠᠨ ᠠᠴᠠ 32% ᠨᠡᠮᠡᠭᠳᠡᠪᠠ᠃ ᠠᠯᠠᠱᠠ ᠶᠢᠨ ᠡᠯᠡᠰᠦ ᠮᠠᠩᠬᠠᠨ ᠤ ᠬᠦᠰᠡᠯ ᠵᠡᠭᠦᠳᠦ ᠶᠢᠨ ᠮᠠᠰᠢᠨ ᠲᠡᠷᠭᠡ — ᠠᠭᠠᠷ ᠠᠶᠠᠯᠠᠯ ᠤᠨ ᠰᠤᠶᠤᠯ ᠤᠨ ᠭᠤᠤᠯ ᠰᠡᠳᠦᠪᠲᠤ ᠴᠡᠴᠡᠷᠯᠢᠭ᠂ ᠪᠡᠭᠡᠵᠢᠩ ᠠᠴᠠ ᠰᠢᠨᠵᠢᠶᠠᠩ ᠬᠦᠷᠬᠦ ᠲᠦᠷᠬᠡᠨ ᠵᠠᠮ᠂ ᠦᠯᠵᠡᠢ ᠪᠣᠭᠤᠮᠳᠠ᠂ ᠬᠤᠳᠡ ᠶᠢᠨ ᠴᠢᠳᠠᠮᠵᠢ ᠶᠢ ᠲᠡᠭᠡᠭᠰᠢᠯᠡᠬᠦᠯᠬᠦ ᠵᠡᠷᠭᠡ ᠨᠢᠭᠡ ᠪᠥᠯᠦᠭ ᠰᠠᠭᠤᠷᠢ ᠪᠠᠨ ᠪᠠᠲᠣᠳᠬᠠᠵᠤ᠂ ᠪᠦᠲᠦᠴᠡ ᠪᠠᠨ ᠲᠣᠬᠢᠷᠠᠭᠤᠯᠬᠤ᠂ ᠬᠡᠯᠪᠡᠷᠢ  ᠶᠢᠨ ᠬᠤᠪᠢᠷᠠᠯᠳᠡ ᠪᠠᠨ ᠠᠬᠢᠭᠤᠯᠬᠤ ᠴᠢᠬᠤᠯᠠ ᠶᠡᠭᠡ ᠲᠥᠷᠦᠯ ᠵᠦᠢᠯ ᠢ ᠣᠷᠣᠭᠰᠢᠲᠠᠢ ᠬᠡᠷᠡᠭᠵᠢᠭᠦᠯᠪᠠ︔ 26 ᠴᠢᠬᠤᠯᠠ ᠶᠡᠭᠡ ᠡᠬᠢᠨ ᠤ ᠬᠤᠭᠤᠴᠠᠭᠠᠨ ᠤ ᠲᠥᠷᠦᠯ ᠵᠦᠢᠯ ᠤᠨ 4 ᠲᠥᠷᠦᠯ ᠵᠦᠢᠯ ᠨᠢ ᠪᠠᠷᠢᠯᠭ᠎ᠠ ᠪᠠᠨ ᠡᠬᠢᠯᠡᠭᠦᠯᠦᠨ ᠪᠥᠲᠦᠭᠡᠨ ᠪᠠᠶᠢᠭᠤᠯᠪᠠ᠃ ᠣᠯᠠᠮᠵᠢᠯᠠᠯᠲᠣ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ᠂ ᠰᠢᠨ᠎ᠠ ᠪᠠᠷ ᠬᠥᠭᠵᠢᠭᠰᠡᠨ ᠠᠵᠣ ᠦᠢᠯᠡᠰ ᠢ ᠪᠣᠶᠢᠵᠢᠭᠤᠯᠣᠨ ᠪᠤᠵᠠᠭᠠᠶᠢᠷᠠᠭᠤᠯᠬᠤ᠂ ᠣᠨᠴᠠᠯᠢᠭᠲᠣ ᠠᠵᠣ ᠦᠢᠯᠡᠰ ᠢ ᠭᠦᠨᠵᠡᠭᠡᠢ ᠨᠠᠭᠡᠭᠡᠨ ᠬᠦᠭᠵᠢᠭᠦᠯᠬᠦ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠤᠨ᠂ 15 ᠲᠥᠷᠦᠯ ᠵᠦᠢᠯ ᠤᠨ ᠭᠡᠷ᠎ᠡ ᠲᠣᠭᠳᠠᠭᠠᠵᠣ᠂ ᠬᠡᠯᠡᠯᠴᠡᠬᠡᠷ ᠲᠤᠭᠳᠠᠭᠰᠠᠨ ᠪᠡᠯᠡ ᠮᠥᠩᠬᠦ 328 ᠳ᠋ᠦᠩᠰᠢᠭᠤᠷ ᠲᠦᠬᠦᠷᠢᠭ  ᠪᠠᠶᠢᠵᠤ᠂ 8 ᠲᠦᠷᠦᠯ ᠵᠦᠢᠯ ᠪᠠᠷᠢᠯᠭ᠎ᠠ ᠪᠠᠨ ᠡᠬᠢᠯᠡᠭᠦᠯᠦᠨ ᠪᠦᠲᠦᠭᠡᠨ ᠪᠠᠶᠢᠭᠤᠯᠵᠤ᠂ 21.9 ᠳ᠋ᠦᠩᠰᠢᠭᠤᠷ ᠲᠦᠬᠦᠷᠢᠭ ᠤᠨ ᠪᠡᠯᠡ ᠮᠥᠩᠬᠦ ᠶᠢ ᠨᠠᠶᠢᠳᠠᠪᠣᠷᠢᠵᠢᠭᠤᠯᠪᠠ᠃ 500 ᠲᠦᠮᠡᠨ ᠲᠥᠭᠦᠷᠢᠭ ᠠᠴᠠ ᠲᠡᠭᠡᠭᠰᠢᠬᠢ ᠲᠤᠭᠲᠠᠮᠠᠯ ᠬᠦᠷᠦᠩᠬᠡ ᠶᠢᠨ ᠪᠡᠯᠡ ᠤᠷᠤᠭᠤᠯᠤᠯᠲᠠ ᠶᠢᠨ ᠲᠦᠷᠭᠡᠨ ᠨᠡᠮᠡᠭᠳᠡᠬᠦ ᠬᠠᠨᠳᠦᠰᠢ ᠶᠢ ᠪᠠᠲᠦᠯᠠᠨ᠂ 150 ᠳ᠋ᠦᠩᠰᠢᠭᠤᠷ ᠲᠥᠭᠦᠷᠢᠭ ᠢ ᠪᠡᠶᠡᠯᠡᠭᠦᠯᠵᠣ᠂ 20% ᠪᠠᠷ ᠨᠡᠮᠡᠭᠳᠡᠪᠠ᠃ ᠲᠥᠪ ᠬᠤᠷᠢᠶ᠎ᠠ᠂ ᠦᠪᠡᠷᠲᠡᠬᠡᠨ ᠵᠠᠰᠠᠬᠤ ᠤᠷᠤᠨ ᠤ ᠲᠥᠰᠦᠪ ᠤᠨ ᠳᠣᠲᠣᠷᠠᠬᠢ ᠪᠡᠯᠡ ᠮᠥᠩᠬᠦᠨ ᠠᠴᠠ 7.2 ᠳ᠋ᠦᠩᠰᠢᠭᠤᠷ ᠲᠥᠬᠦᠷᠢᠭ᠂ ᠣᠯᠣᠰ  ᠤᠨ ᠨᠡᠭᠡᠭᠡᠯᠳᠡ ᠶᠢᠨ ᠪᠠᠩᠬᠢ ᠶᠢᠨ ᠲᠣᠰᠬᠠᠢ ᠲᠦᠷᠦᠯ  ᠤᠨ ᠰᠠᠭᠤᠷᠢ ᠮᠥᠡᠭᠭᠦ ᠠᠴᠠ 6.2 ᠳ᠋ᠦᠩᠰᠢᠭᠤᠷ ᠲᠥᠭᠦᠷᠢᠭ  ᠢ ᠴᠢᠷᠮᠠᠶᠢᠨ ᠤᠯᠵᠤ᠂ ᠤᠯᠠᠨ ᠵᠦᠢᠯ ᠤᠨ ᠠᠷᠭ᠎ᠠ ᠪᠠᠷᠢᠯ ᠢᠶᠠᠷ 52.2 ᠳ᠋ᠦᠩᠰᠢᠭᠤᠷ ᠲᠥᠭᠦᠷᠢᠭ ᠪᠡᠯᠡ ᠮᠥᠩᠬᠦ ᠶᠢ ᠬᠤᠷᠠᠮᠳᠤᠭᠤᠯᠵᠤ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠬᠡᠨ ᠪᠠᠶᠢᠭᠤᠯᠤᠯᠲᠠ‌‍ᠶᠢ ᠬᠦᠴᠦᠲᠠᠢ ᠲᠤᠯᠭᠠᠭᠤᠷᠢᠯᠠᠪᠠ᠃ ᠬᠤᠰᠢᠭᠤᠨ ᠤ ᠲᠡᠰ ᠤᠨ PPP ᠲᠦᠷᠦᠯ ᠵᠦᠢᠯ ᠤᠨ ᠬᠦᠮᠦᠷᠬᠡ ᠶᠢ ᠪᠦᠲᠦᠬᠡᠨ ᠪᠠᠶᠢᠭᠤᠯᠵᠤ ᠂ 29 ᠲᠦᠷᠦᠯ ᠢ ᠬᠦᠮᠦᠷᠬᠡ ᠳᠤ ᠣᠷᠣᠭᠤᠯᠵᠤ᠂ 2 ᠲᠦᠷᠦᠯ ᠦᠪᠡᠷᠳᠡᠭᠡᠨ ᠵᠠᠰᠠᠬᠤ ᠣᠷᠣᠨ ᠤ ᠳᠡᠰ ᠤᠨ ᠲᠦᠷᠦᠯ ᠵᠦᠢᠯ ᠢ ᠬᠦᠮᠦᠷᠬᠡ ᠳᠤ ᠣᠷᠣᠭᠤᠯᠵᠣ᠂ ᠵᠠᠰᠠᠭ ᠤᠨ ᠤᠷᠳᠤᠨ ᠪᠤᠯᠤᠨ ᠨᠠᠶᠢᠬᠡᠮ ᠤᠨ ᠡᠳ᠋ ᠬᠥᠷᠦᠩᠬᠡ ᠶᠢᠨ ᠬᠠᠮᠲᠤᠷᠤᠯᠴᠠᠭ᠎ᠠ ᠶᠢ ᠲᠠᠰᠣᠷᠠᠯᠳᠡ ᠦᠭᠡᠢ ᠠᠬᠢᠭᠤᠯᠪᠠ᠃ ᠰᠢᠨ᠎ᠠ ᠪᠠᠷ ᠬᠥᠭᠵᠢᠭᠰᠡᠨ ᠠᠵᠤ ᠦᠢᠯᠡᠰ ᠢ ᠪᠣᠶᠢᠵᠢᠭᠤᠯᠬᠤ ᠪᠠᠨ ᠲᠦᠷᠭᠡᠳᠬᠡᠨ᠂ ᠠᠯᠠᠱᠠ ᠶᠢᠨ ᠨᠡᠶᠢᠲᠠ ᠶᠢᠨ ᠬᠡᠷᠡᠭᠯᠡᠬᠡᠨ ᠤ ᠠᠭᠠᠷ ᠠᠶᠠᠯᠠᠯ ᠤᠨ ᠠᠵᠤ ᠦᠢᠯᠡᠰ  ᠤᠨ ᠬᠥᠭᠵᠢᠭᠦᠯᠦᠯᠳᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠲᠣᠭᠳᠠᠭᠠᠵᠤ᠂ ᠡᠯᠡᠰᠤᠨ ᠠᠵᠤ ᠦᠢᠯᠡᠰ ᠤᠨ ᠡᠷᠡᠬᠦᠯ ᠮᠡᠨᠳᠤ ᠶᠢᠨ ᠲᠧᠭᠨᠢᠭ ᠮᠡᠷᠬᠡᠵᠢᠯ ᠤᠨ ᠬᠦᠷᠢᠶᠡᠯᠠᠩ᠂ ᠰᠢᠵᠢᠷ ᠠᠯᠲᠠᠨ ᠤ ᠰᠤᠶᠤᠯ ᠤᠨ ᠦᠢᠯᠡᠰ ᠤᠨ ᠬᠦᠷᠢᠶᠡᠯᠠᠩ ᠰᠠᠭᠤᠷᠢ ᠲᠠᠯᠪᠢᠨ ᠪᠠᠷᠢᠯᠭ᠎ᠠ ᠡᠬᠢᠯᠡᠵᠤ᠂ ᠭᠤᠷᠪᠠᠨ ᠠᠵᠤ ᠦᠢᠯᠡᠰ ᠤᠶᠠᠯᠳᠤᠨ ᠬᠦᠭᠵᠢᠬᠦ ᠪᠠᠶᠢᠳᠠᠯ ᠡᠬᠢᠯᠡᠨ ᠪᠦᠷᠢᠯᠳᠦᠪᠠ᠃ᠬᠤᠶᠠᠷ᠂ ᠪᠦᠲᠦᠴᠡ ᠶᠢᠨ ᠲᠣᠬᠢᠷᠠᠭᠤᠯᠣᠯᠳᠡ ᠬᠢᠬᠦ ᠶᠢ ᠪᠠᠷᠢᠮᠲᠠᠯᠠᠵᠤ᠂ ᠬᠦᠭᠵᠢᠯᠲᠠ ᠶᠢᠨ ᠶᠠᠰᠤ ᠴᠢᠨᠠᠷ ᠦᠷ᠎ᠠ ᠠᠰᠢᠭ ᠢ ᠲᠡᠭᠡᠭᠰᠢᠯᠡᠬᠦᠯᠪᠠ ︵ᠨᠢᠭᠡ︶ ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠬᠡᠯᠪᠡᠷᠢ ᠶᠢ ᠢᠳᠡᠪᠬᠢᠲᠠᠢ ᠪᠠᠷ ᠬᠤᠪᠢᠷᠠᠭᠤᠯᠪᠠ ᠃ ᠣᠰᠣᠨ ᠳᠤ ᠠᠷᠪᠢᠲᠠᠢ ᠦᠨᠳᠦᠷ ᠠᠰᠢᠭᠯᠠᠮᠵᠢᠲᠣ ᠲᠠᠷᠢᠶᠠᠯᠠᠩ  ᠢ ᠶᠡᠬᠡᠪᠡᠷ ᠬᠦᠭᠵᠢᠭᠦᠯᠵᠣ᠂ ᠲᠠᠷᠢᠮᠠᠯ ᠤᠨ ᠶᠡᠷᠥᠩᠬᠡᠢ ᠲᠠᠯᠠᠪᠠᠢ ᠶᠢ 28.2 ᠲᠦᠮᠡᠨ ᠮᠤ᠋ ᠲᠤᠲᠤᠷ᠎ᠠ ᠬᠢᠵᠠᠭᠠᠷᠯᠠᠵᠤ᠂ 8.8 ᠲᠦᠮᠡᠨ ᠮᠤ᠋ ᠬᠢᠲᠠᠳ ᠡᠮ ᠤᠨ ᠮᠠᠲ᠋ᠧᠷᠢᠶᠠᠯ᠂ ᠪᠡᠯᠴᠢᠭᠡᠷ ᠤᠨ ᠡᠪᠡᠰᠤ ᠵᠡᠷᠬᠡ ᠶᠢ ᠲᠡᠯᠭᠡᠷᠡᠬᠦᠯᠤᠨ ᠲᠠᠷᠢᠵᠤ᠂ ᠤᠰᠤ ᠠᠷᠪᠢᠯᠠᠬᠤ ᠤᠰᠤᠯᠠᠯᠲᠠ ᠶᠢᠨ ᠲᠠᠯᠠᠪᠠᠢ 10 ᠲᠦᠮᠡᠨ ᠮᠤ᠋ ᠳᠤ ᠬᠦᠷᠪᠠ᠃ ᠪᠡᠯᠴᠢᠭᠡᠷ ᠤᠨ ᠮᠠᠯ ᠠᠵᠤ ᠠᠬᠤᠢ ᠶᠢ ᠵᠤᠬᠢᠰᠲᠠᠢ ᠬᠦᠭᠵᠢᠭᠦᠯᠵᠣ᠂ ᠵᠢᠷᠭᠤᠳᠤᠭᠠᠷ ᠰᠠᠷ᠎ᠠ ᠶᠢᠨ ᠡᠴᠦᠰ ᠳᠠᠬᠢ ᠮᠠᠯ  ᠤᠨ ᠨᠠᠶᠢᠳᠡ ᠲᠤᠭ᠎ᠠ ᠲᠤᠯᠤᠭᠠᠢ 122.6 ᠲᠥᠮᠡᠨ ᠲᠤᠯᠤᠭᠠᠢ ᠪᠠᠶᠢᠪᠠ᠃ ᠰᠢᠯᠢᠳᠡᠭ ᠨᠤᠤᠯᠤᠷ ᠲᠤ ᠨᠥᠭᠦᠪᠦᠷᠢ ᠦᠭᠬᠦ ᠲᠦᠷᠤ ᠶᠢᠨ ᠪᠤᠳᠤᠯᠭ᠎ᠠ ᠶᠢ ᠨᠠᠶᠢᠳᠠᠪᠣᠷᠢᠵᠢᠭᠤᠯᠵᠣ᠂ 22 ᠰᠦᠷᠦᠭ ︽1396︾ ᠪᠠ ︽1450︾ ᠬᠡᠳᠦ ᠨᠠᠷᠢᠨ ᠰᠢᠷᠬᠡᠭᠲᠤ ᠨᠣᠣᠯᠣᠷ ᠤᠨ ᠢᠮᠠᠭᠠᠨ ᠤ ᠰᠦᠷᠦᠭ ᠢ ᠦᠰᠭᠡᠵᠤ᠂ ᠬᠡᠳᠦ ᠨᠤᠤᠯᠤᠷᠲᠦ ᠢᠮᠠᠭᠠᠨ ᠤ ᠦᠷᠡᠵᠢᠭᠦᠯᠦᠨ ᠪᠤᠶᠢᠵᠢᠭᠤᠯᠬᠤ ᠲᠣᠭᠳᠠᠯᠴᠠᠭ᠎ᠠ ᠲᠡᠬᠦᠯᠳᠡᠷᠵᠢᠪᠠ︔ ᠢᠡᠭᠭᠡᠨ ᠰᠦ ᠶᠢᠨ ᠵᠢᠱᠢᠶ᠎ᠡ ᠦᠵᠡᠭᠦᠯᠬᠦ 3 ᠰᠠᠭᠤᠷᠢᠨ ᠭᠠᠵᠠᠷ ᠢ ᠪᠠᠶᠢᠭᠤᠯᠵᠤ᠂ ᠬᠤᠤᠰ ᠪᠦᠬᠦᠲᠦ ᠲᠡᠮᠡᠭᠡ ᠶᠢ ᠠᠩᠬᠠᠳᠣᠭᠠᠷ ᠣᠳᠠᠭ᠎ᠠ ᠤᠷᠤᠨ ᠨᠤᠲᠤᠭ ᠤᠨ ᠲᠠᠭᠠᠳᠬᠠᠯ ᠳᠤ ᠤᠷᠤᠭᠤᠯᠪᠠ᠃ ᠲᠠᠷᠢᠶᠠᠯᠠᠬᠤ ᠤᠷᠤᠨ ᠤ ᠲᠡᠵᠢᠭᠡᠨ ᠦᠷᠡᠵᠢᠭᠦᠯᠬᠦ ᠦᠢᠯᠡᠰ ᠤᠨ ᠬᠡᠪᠴᠢᠶᠡᠵᠢᠯᠳᠡ ᠶᠢ ᠲᠦᠯᠬᠢᠨ ᠠᠬᠢᠭᠤᠯᠵᠣ᠂ 1 ᠰᠠᠭᠤᠷᠢ ︽ᠠᠳᠣᠭᠤ︾ ᠠᠯᠠᠰᠢᠨ ᠮᠠᠯ ᠤᠨ ᠤᠳᠤᠬᠢᠴᠢᠯᠠᠭᠰᠠᠨ ᠮᠠᠯ ᠠᠵᠤ ᠠᠬᠤᠢ ᠶᠢᠨ ᠵᠢᠱᠢᠶ᠎ᠠ ᠦᠵᠡᠬᠦᠯᠬᠦ ᠲᠤᠭᠤᠷᠢᠭ᠂ 5 ᠰᠠᠭᠤᠷᠢ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠰᠢᠨ᠎ᠠ ᠪᠠᠷ ᠪᠠᠶᠢᠭᠤᠯᠵᠤ᠂ ︽ᠪᠤᠶᠢᠵᠢᠭᠤᠯᠬᠤ᠂ ᠦᠷᠡᠵᠢᠬᠦᠯᠬᠦ᠂ ᠲᠡᠯᠭᠡᠷᠡᠬᠦᠯᠬᠦ︾ ᠲᠣᠭᠳᠠᠯᠴᠠᠭ᠎ᠠ ᠦᠨᠳᠦᠰᠦᠨ ᠳᠡᠭᠡᠨ ᠪᠦᠷᠢᠯᠳᠦᠪᠠ︔ ᠲᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠠᠮᠳᠣᠷᠠᠯᠴᠠᠭᠠᠨ ᠤ ᠲᠣᠭᠳᠠᠯᠴᠠᠭ᠎ᠠ ᠶᠢ ᠪᠠᠶᠢᠭᠤᠯᠵᠤ᠂ 1883 ᠡᠷᠦᠬᠡ ᠲᠡᠵᠢᠭᠡᠨ ᠦᠷᠡᠵᠢᠭᠦᠯᠬᠦ ᠡᠷᠥᠬᠡ ᠠᠰᠢᠭ ᠬᠦᠷᠲᠡᠪᠠ᠃ ᠣᠬᠢ ᠰᠢᠯᠢᠳᠡᠭ ᠤᠢ ᠵᠢᠮᠢᠰ ᠤᠨ ᠦᠢᠯᠡᠰ ᠢ ᠭᠤᠣᠯᠴᠢᠯᠠᠨ ᠬᠦᠭᠵᠢᠬᠦᠯᠵᠤ᠂ ᠨᠡᠶᠢᠲᠠ 7000 ᠭᠠᠷᠤᠢ ᠮᠤ᠋ ᠲᠡᠷᠢᠭᠦᠯᠡᠭᠴᠢ ᠭᠦᠢᠯᠡᠰᠦ᠂ ᠣᠯᠠᠭᠠᠨ ᠭᠦᠢᠯᠡᠰᠣ ᠶᠢ ᠲᠠᠷᠢᠵᠠᠢ᠃ ᠣᠢ ᠰᠢᠭᠤᠢ ᠡᠯᠡᠰᠤᠨ ᠤ ᠠᠵᠣ ᠦᠢᠯᠡᠰ ᠤᠨ ᠰᠠᠭᠤᠷᠢᠨ ᠭᠠᠵᠠᠷ ᠤᠨ ᠬᠦᠷᠢᠶ᠎ᠠ ᠬᠡᠪᠴᠢᠶ᠎ᠠ ᠲᠠᠰᠤᠷᠠᠯᠲᠠ ᠦᠭᠡᠢ ᠦᠷᠬᠡᠵᠢᠵᠤ᠂ 10 ᠲᠦᠮᠡᠨ ᠮᠤ᠋ ᠴᠠᠭᠠᠨ ᠭᠤᠶᠤᠤ᠂ 5 ᠲᠦᠮᠡᠨ ᠮᠤ᠋ ᠤᠯᠠᠭᠠᠨ ᠭᠤᠶᠤᠤ ᠶᠢ ᠲᠠᠷᠢᠪᠠ᠃ ᠰᠡᠯᠡᠭᠦᠴᠡᠯ  ᠤᠨ ᠲᠠᠷᠢᠶᠠᠯᠠᠩ ᠮᠠᠯ ᠠᠵᠣ ᠠᠬᠤᠢ ᠶᠢ ᠢᠳᠡᠪᠬᠢᠳᠠᠢ ᠪᠣᠶᠢᠵᠢᠭᠤᠯᠵᠤ᠂ 4 ᠰᠠᠣᠷᠢ ᠤᠨᠴᠠᠯᠢᠭᠲᠤ ᠵᠢᠮᠢᠰ ᠲᠡᠭᠦᠭᠦ ᠬᠦᠷᠢᠶᠠᠯᠡᠩ ᠪᠠ 1ᠰᠠᠦᠷᠢ ᠲᠠᠨᠢᠯᠳᠡ ᠶᠢᠨ ᠰᠡᠯᠡᠭᠦᠴᠡᠯ ᠤᠨ ᠭᠠᠵᠠᠷ ᠢ ᠪᠠᠶᠢᠭᠤᠯᠪᠠ᠃ ᠮᠠᠯᠴᠢᠨ ᠲᠠᠷᠢᠶᠠᠴᠢᠨ ᠤ ᠬᠠᠮᠳᠦᠷᠤᠭᠰᠠᠨ ᠶᠡᠷᠥᠩᠬᠡᠢ ᠬᠤᠷᠰᠢᠶ᠎ᠠ ᠪᠠ ᠰᠣᠮᠣ ᠪᠠᠯᠭᠠᠰᠣᠨ ᠤ ᠬᠠᠮᠲᠤᠷᠤᠭᠰᠠᠨ ᠬᠤᠷᠰᠢᠶ᠎ᠠ ᠶᠢ ᠪᠠᠶᠢᠭᠤᠯᠵᠣ᠂ 900 ᠡᠷᠦᠬᠡ ᠡᠯ᠎ᠡ ᠲᠦᠷᠦᠯ ᠤᠨ ᠰᠢᠨ᠎ᠠ ᠮᠠᠶ᠋ᠢᠭ ᠤᠨ ᠡᠵᠡᠩᠨᠡᠯᠲᠠ ᠶᠢᠨ ᠭᠤᠤᠯ ᠴᠤᠭᠴᠠ ᠶᠢ ᠪᠠᠶᠢᠭᠤᠯᠵᠤ᠂ ᠮᠠᠯᠴᠢᠨ ᠲᠠᠷᠢᠶᠠᠴᠢᠨ ᠤ ᠵᠤᠬᠢᠶᠠᠨ ᠪᠠᠶᠢᠭᠤᠯᠤᠯᠳᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠲᠡᠭᠡᠭᠰᠢᠯᠡᠬᠦᠯᠪᠠ᠃ ᠤᠨᠴᠠᠯᠢᠭᠲᠤ ᠲᠠᠷᠢᠶᠠᠯᠠᠩ ᠤᠨ ᠪᠦᠲᠦᠬᠡᠭᠳᠡᠬᠦᠨ ᠮᠠᠯ  ᠤᠨ ᠠᠰᠢᠭ ᠰᠢᠮ᠎ᠡ  ᠶᠢᠨ ᠡᠯᠧᠺᠲᠷᠤᠨ ᠬᠤᠳᠠᠯᠳᠣᠭᠠᠨ ᠤ ᠲᠠᠪᠴᠠᠩ ᠢ ᠶᠡᠬᠡᠪᠡᠷ ᠬᠦᠭᠵᠢᠬᠦᠯᠵᠤ᠂ 3000 ᠭᠠᠷᠤᠢ ᠲᠦᠮᠡᠨ ᠲᠥᠬᠦᠷᠢᠭ ᠤᠨ ᠪᠤᠷᠤᠭᠤᠯᠤᠯᠲᠠ ᠶᠢ ᠪᠡᠶᠡᠯᠡᠭᠦᠯᠪᠠ ︵ᠬᠤᠶᠠᠷ︶ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠬᠦ ᠶᠢ ᠲᠦᠷᠬᠡᠳᠬᠡᠪᠠ᠃ 20.2 ᠳ᠋ᠦᠩᠰᠢᠭᠤᠷ ᠲᠦᠬᠦᠷᠢᠭ ‍ᠤᠨ‌ᠭᠤᠤᠯᠲᠠᠯᠭ᠎ᠠ ᠲᠠᠢ ᠲᠦᠷᠦᠯ ᠵᠦᠢᠯ ᠤᠨ ᠪᠡᠯᠡ ᠤᠷᠤᠭᠤᠯᠤᠯᠲᠠ ᠶᠢ ᠪᠡᠶᠡᠯᠡᠬᠦᠯᠵᠤ᠂ ᠪᠠᠶᠠᠨᠬᠤᠲᠠ ᠶᠢᠨ ᠢᠯᠴᠢ ᠴᠠᠬᠢᠯᠭᠠᠨ ᠢ ᠵᠡᠷᠭᠡ ᠭᠠᠷᠭᠠᠬᠤ᠂ ᠲᠣᠮᠳᠠᠳᠣ ᠤᠯᠣᠰ ᠤᠨ ᠠᠷᠠᠳ  ᠤᠨ ᠠᠮᠢᠳᠤᠷᠠᠯ  ᠤᠨ ᠪᠡᠯᠡ ᠣᠷᠣᠭᠤᠯᠣᠯᠳᠡ  ᠶᠢᠨ ᠪᠥᠯᠦᠭᠯᠡᠯ  ᠤᠨ 10 ᠰᠠᠶ᠎ᠠ ᠸᠠᠲ ᠭᠡᠷᠡᠯ ᠴᠠᠬᠢᠯᠭᠠᠨ ᠭᠠᠷᠭᠠᠬᠤ ᠲᠦᠷᠦᠯ ᠵᠦᠢᠯ ᠪᠠᠷᠢᠯᠭ᠎ᠠ ᠳᠠᠭᠤᠰᠴᠣ ᠠᠰᠢᠭᠯᠠᠯᠳᠠ ᠳᠤ ᠣᠷᠣᠵᠣ᠂ ᠬᠠᠨᠠᠰ ᠰᠢᠨ᠎ᠠ ᠡᠨᠧᠷᠭᠢ ᠶᠢᠨ ᠪᠦᠯᠦᠭᠯᠡᠯ ᠤᠨ ᠨᠢᠭᠡᠳᠦᠭᠡᠷ ᠬᠤᠭᠤᠴᠠᠭᠠᠨ ᠤ 200 ᠰᠠᠶ᠎ᠠ ᠸᠠᠲ ᠰᠠᠯᠬᠢᠨ ᠴᠠᠬᠢᠯᠭᠠᠨ ᠤ ᠲᠦᠷᠦᠯ ᠵᠦᠢᠯ ᠲᠣᠬᠢᠷᠠᠭᠤᠯᠣᠨ ᠲᠣᠷᠰᠢᠬᠤ ᠱᠠᠲᠤᠨ  ᠳᠤ ᠣᠷᠣᠵᠣ᠂ ᠯᠠᠨ ᠲᠠᠢ ᠶᠢᠨ ᠵᠢᠯ  ᠤᠨ ᠭᠠᠷᠤᠯᠳᠡ 20 ᠲᠥᠮᠡᠨ ᠲᠤᠨ ᠨᠠᠷᠢᠯᠢᠭ ᠲᠠᠪᠦᠰᠦ᠂ ᠹᠦ᠋ ᠴᠢᠣᠸᠠᠨ ᠤ ᠵᠢᠯ  ᠤᠨ ᠭᠠᠷᠤᠯᠳᠡ 120 ᠲᠥᠮᠡᠨ ᠲᠣᠨ ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠲᠥᠷᠦᠯ ᠵᠦᠢᠯ ᠨᠢ ᠬᠠᠮᠲᠣᠷᠠᠨ ᠲᠤᠷᠰᠢᠨ ᠠᠵᠢᠯᠯᠠᠬᠤ ᠨᠥᠬᠦᠴᠡᠯ  ᠢ ᠪᠦᠷᠢᠯᠳᠦᠭᠦᠯᠵᠤ᠂ ᠵᠤᠯᠵᠠᠭ᠎ᠠ ᠠᠯᠳᠠᠨ  ᠤ ᠠᠭᠤᠷᠬᠠᠢ  ᠶᠢᠨ ᠭᠤᠷᠪᠠᠳᠤᠭᠠᠷ ᠬᠤᠭᠤᠴᠠᠭ᠎ᠠ᠂ ᠱᠸᠡᠭ ᠮᠤ᠋ ᠲᠡᠭᠡᠳᠦ ᠰᠢᠨᠵᠢᠯᠡᠭᠡ ᠲᠧᠭᠨᠢᠭ  ᠤᠨ 2 ᠲᠦᠮᠡᠨ ᠲᠤᠨ ᠣᠷᠭᠠᠨᠢᠭ ᠨᠢᠯᠬᠠᠰ ᠤᠨ ᠰᠦᠨ ᠲᠠᠯᠬ᠎ᠠ ᠶᠢᠨ ᠲᠦᠷᠦᠯ ᠵᠦᠢᠯ ᠣᠷᠣᠭᠰᠢᠲᠠᠢ ᠠᠬᠢᠪᠠ᠃ 6 ᠡᠯᠡᠰᠣᠨ ᠠᠵᠤ ᠦᠢᠯᠡᠰ ᠤᠨ ᠨᠠᠷᠢᠯᠢᠭ ᠪᠤᠯᠪᠠᠰᠤᠷᠠᠭᠤᠯᠤᠯᠳᠡ ᠶᠢᠨ ᠲᠥᠷᠦᠯ ᠵᠦᠢᠯ ᠰᠢᠨ᠎ᠡ ᠪᠠᠷ ᠭᠡᠷ᠎ᠡ ᠲᠤᠭᠳᠠᠭᠵᠤ᠂ 3 ᠲᠦᠷᠥᠯ ᠵᠦᠢᠯ ᠨᠢ ᠪᠠᠷᠢᠯᠭ᠎ᠠ ᠡᠬᠢᠯᠡᠵᠣ ᠪᠥᠲᠦᠭᠡᠨ ᠪᠠᠶᠢᠭᠤᠯᠪᠠ᠃ ᠬᠠᠳᠠᠭᠠᠯᠠᠭᠴᠠ ᠶᠢ ᠠᠰᠢᠭᠯᠠᠯᠳᠡ ᠳᠤ ᠤᠷᠤᠭᠤᠯᠵᠤ ᠪᠦᠲᠦᠴᠠ ᠶᠢᠨ ᠲᠤᠬᠢᠷᠠᠭᠤᠯᠤᠯᠳᠡ ᠶᠢ ᠠᠬᠢᠭᠤᠯᠵᠣ᠂ 14 ︽ᠦᠬᠦᠮᠡᠯ ᠠᠵᠤ ᠠᠬᠤᠶᠢᠯᠠᠯ︾ ᠢ ᠴᠡᠪᠡᠷᠯᠡᠪᠠ᠃ ︽ᠨᠢᠭᠡ ᠠᠵᠤ ᠠᠬᠤᠶᠢᠯᠠᠯ ᠳᠤ ᠨᠢᠭᠡ ᠲᠥᠷᠦ ᠶᠢᠨ ᠪᠤᠳᠤᠯᠭ᠎ᠠ ᠶᠢ ᠬᠡᠷᠡᠭᠵᠢᠭᠦᠯᠵᠣ︾᠂ ᠠᠵᠤ ᠠᠬᠤᠶᠢᠯᠠᠯ ᠢ ᠲᠣᠭᠳᠠᠪᠣᠷᠢᠵᠢᠭᠤᠯᠤᠨ ᠲᠡᠮᠵᠢᠬᠦ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠦᠪᠡᠷ ᠤᠨ ᠦᠷᠳᠡᠭ ᠢ 1.8 ᠳ᠋ᠥᠡᠭᠰᠢᠭᠤᠷ ᠲᠥᠬᠦᠷᠢᠭ ᠪᠠᠭᠤᠷᠠᠭᠤᠯᠪᠠ᠃ ᠠᠵᠤ ᠦᠢᠯᠡᠳᠪᠤᠷᠢ ᠶᠢᠨ ᠨᠡᠮᠡᠭᠳᠡᠯ ᠦᠷᠲᠡᠭ ᠢ ᠪᠠᠷᠤᠭ 63 ᠳ᠋ᠥᠩᠰᠢᠭᠤᠷ ᠲᠥᠭᠦᠷᠢᠭ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 9%  ᠪᠠᠷ ᠨᠡᠮᠡᠭᠳᠡᠪᠠ᠃ ︵ᠭᠤᠷᠪᠠ︶ ᠰᠤᠶᠤᠯ ᠵᠢᠭᠤᠯᠴᠢᠯᠡᠯ ᠤᠨ ᠤᠶᠠᠯᠳᠦᠨ ᠬᠦᠭᠵᠢᠬᠦ ᠶᠢ ᠲᠦᠯᠬᠢᠨ ᠠᠬᠢᠭᠤᠯᠪᠠ᠃ 6.1 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ ᠪᠦᠬᠦ ᠬᠦᠷᠢᠶ᠎ᠡ ᠴᠡᠷ᠎ᠡ ᠶᠢᠨ ᠠᠶᠠᠯᠠᠯ ᠵᠢᠭᠤᠯᠴᠢᠯᠠᠯ ᠵᠡᠷᠬᠡ 20 ᠲᠦᠯᠦᠪᠵᠢᠬᠦᠯᠬᠡ ᠶᠢ ᠨᠠᠶᠢᠷᠠᠭᠤᠯᠤᠨ ᠵᠠᠰᠠᠵᠤ᠂ 7 ᠶᠡᠭᠡ ᠦᠵᠡᠮᠵᠢ ᠶᠢᠨ ᠤᠷᠤᠨ ᠤ ᠪᠠᠶᠢᠭᠤᠯᠤᠯᠲᠠ᠂ ᠰᠠᠶᠢᠵᠢᠷᠠᠭᠤᠯᠤᠯᠳᠡ ᠶᠢᠨ ᠢᠨᠵᠧᠨᠧᠷᠢᠩ ᠢ ᠬᠡᠷᠡᠭᠵᠢᠭᠦᠯᠵᠤ᠂ 11 ᠪᠦᠬᠦ ᠬᠦᠷᠢᠶ᠎ᠡ ᠴᠡᠷ᠎ᠡ ᠶᠢᠨ ᠠᠶᠠᠯᠠᠯ ᠵᠢᠭᠤᠯᠴᠢᠯᠠᠯ  ᠤᠨ ᠵᠢᠱᠢᠶ᠎ᠡ ᠦᠵᠡᠬᠦᠯᠬᠦ ᠴᠡᠭ ᠵᠢᠴᠢ ᠠᠶᠠᠯᠠᠯ ᠵᠢᠭᠤᠯᠴᠢᠯᠠᠯ ᠤᠨ ᠦᠷᠲᠡᠭᠡ ᠶᠢ ᠪᠠᠶᠢᠭᠤᠯᠵᠤ᠂ ᠠᠶᠠᠯᠠᠯ ᠵᠢᠭᠤᠯᠴᠢᠯᠠᠯ  ᠤᠨ ᠵᠠᠮᠴᠢᠯᠠᠬᠤ ᠰᠢᠰᠲ᠋ᠧᠮ ᠪᠤᠯᠤᠨ  ᠪᠡᠯᠭᠡ ᠲᠡᠮᠳᠡᠭ ᠤᠨ ᠴᠢᠨᠠᠷ ᠲᠠᠢ ᠦᠵᠡᠮᠵᠢ ᠶᠢᠨ ᠪᠠᠶᠢᠭᠤᠯᠤᠯᠲᠠ ᠶᠢ ᠪᠠᠶᠢᠭᠤᠯᠵᠤ᠂ ᠬᠦᠷᠢᠶ᠎ᠡ ᠴᠡᠷ᠎ᠡ ᠶᠢᠨ ᠠᠶᠠᠯᠠᠯ ᠵᠢᠭᠤᠯᠴᠢᠯᠠᠯ ᠤᠨ ᠪᠠᠶᠢᠷᠢᠯᠠᠭᠤᠯᠣᠯᠳᠡ ᠪᠠ ᠣᠷᠴᠢᠨ ᠲᠣᠭᠤᠷᠢᠨ ᠢ ᠲᠦᠷᠬᠡᠳᠬᠡᠨ ᠪᠤᠢ ᠪᠤᠯᠭᠠᠪᠠ᠃ ᠭᠠᠵᠠᠷ ᠣᠷᠣᠨ ᠤ ᠰᠤᠶᠤᠯ ᠤᠨ ᠠᠭᠤᠯᠠᠭᠳᠠᠬᠤᠨ ᠢ ᠠᠭᠤᠰᠤᠯᠴᠠᠭᠤᠯᠵᠤ᠂ ᠦᠵᠡᠮᠦᠷᠢ ᠶᠢᠨ ᠴᠢᠯᠠᠭᠤ ᠬᠠᠰ ᠡᠷᠳᠡᠨᠢ ᠶᠢᠨ ᠴᠢᠯᠠᠭᠤ᠂ ᠲᠠᠯ᠎ᠠ ᠨᠤᠲᠤᠭ ᠤᠨ ᠨᠠᠭᠠᠳᠤᠮ ᠵᠡᠷᠬᠡ 44 ᠲᠦᠷᠦᠯ ᠤᠨ ᠰᠤᠶᠤᠯ ᠵᠢᠭᠤᠯᠴᠢᠯᠠᠯ ᠤᠨ ᠬᠦᠳᠡᠯᠬᠡᠬᠡᠨ ᠢ ᠦᠷᠬᠦᠯᠵᠢᠯᠡᠨ ᠡᠷᠬᠢᠯᠡᠵᠤ᠂ ᠠᠶᠠᠯᠠᠯ ᠵᠢᠭᠤᠯᠴᠢᠯᠠᠯ ᠢ ︽ᠲᠦᠷᠪᠡᠨ ᠤᠯᠠᠷᠢᠯ︾  ᠳᠤ ᠬᠦᠭᠵᠢᠬᠦᠯᠬᠦ ᠶᠢ ᠲᠦᠯᠬᠢᠨ ᠠᠬᠢᠭᠤᠯᠪᠠ᠃ ᠡᠯᠡᠰᠣ ᠮᠠᠩᠬᠠᠨ ᠤ ᠬᠦᠰᠡᠯ ᠵᠡᠭᠦᠳᠦ ᠶᠢᠨ ᠮᠠᠰᠢᠨ ᠲᠡᠷᠬᠡ — ᠠᠭᠠᠷ ᠠᠶᠠᠯᠠᠯ ᠤᠨ ᠰᠤᠶᠤᠯ ᠤᠨ ᠭᠤᠤᠯ ᠰᠡᠳᠦᠪᠲᠤ ᠴᠡᠴᠷᠯᠢᠭ ᠤᠨ ᠪᠦᠲᠦᠬᠡᠨ ᠪᠠᠶᠢᠭᠤᠯᠤᠯᠲᠠ ᠶᠢ ᠶᠡᠬᠡᠪᠠᠷ ᠲᠡᠮᠵᠢᠵᠤ᠂ ︽ᠬᠡᠬᠡᠷᠠᠯᠡᠨ ᠠᠶᠠᠯᠠᠬᠤ e ᠠᠩᠭᠢ︾ ᠶᠢᠨ ᠠᠯᠠᠱᠠ ᠳᠠᠬᠢ ᠪᠠᠭᠠᠲᠤᠷᠴᠤᠳ ᠤᠨ ᠴᠤᠭᠯᠠᠭᠠᠨ ᠢ ᠡᠷᠬᠢᠯᠡᠬᠦ ᠶᠢ ᠪᠦᠬᠦ ᠬᠦᠴᠦᠨ ᠢᠶᠠᠷ ᠪᠠᠲᠤᠯᠠᠵᠤ᠂ ᠴᠣᠭᠯᠠᠭᠠᠨ ᠳᠤ ᠤᠷᠤᠯᠴᠠᠭᠰᠠᠨ ᠲᠡᠷᠬᠡ ᠮᠠᠰᠢᠨ ᠪᠤᠯᠤᠨ ᠬᠦᠮᠦᠨ ᠤ ᠲᠤᠭ᠎ᠠ ᠲᠤᠰᠪᠤᠷᠢ 31 ᠲᠦᠮᠡᠨ ᠲᠡᠷᠬᠡ᠂ 93 ᠲᠦᠮᠡᠨ ᠬᠦᠮᠦᠨ ᠤᠳᠠᠭ᠎ᠠ ᠳᠤ ᠬᠦᠷᠴᠤ᠂ ᠵᠢᠭᠤᠯᠴᠢᠯᠠᠭᠴᠢᠳ ᠢ ᠬᠦᠯᠢᠶᠠᠨ ᠠᠪᠤᠭᠰᠠᠨ ᠲᠤᠭ᠎ᠠ ᠪᠠ ᠵᠢᠭᠤᠯᠴᠢᠯᠠᠯ ᠤᠨ ᠤᠷᠤᠯᠭ᠎ᠠ ᠲᠤᠰᠪᠤᠷᠢ 201 %᠂ 84 % ᠪᠠᠷ ᠨᠡᠮᠡᠭᠳᠡᠵᠤ᠂ ︽ᠲᠦᠷᠦᠯ ᠲᠡᠮᠳᠡᠭ︾ ᠤᠨ ᠣᠷᠢᠶᠠᠯᠠᠬᠤ ᠬᠦᠴᠦᠨ ᠪᠠ ᠲᠤᠯᠤᠭᠠᠶᠢᠯᠠᠬᠤ ᠦᠢᠯᠡᠳᠦᠯ ᠲᠤᠪᠤᠶᠢᠮ᠎ᠠ ᠪᠤᠯᠪᠠ᠃ 4 ᠦᠵᠡᠮᠵᠢ ᠶᠢᠨ ᠣᠷᠣᠨ ᠤᠯᠤᠰ ᠤᠨA ᠲᠡᠰ ᠤᠨ ᠦᠵᠡᠮᠵᠢ ᠶᠢᠨ ᠤᠷᠤᠨ  ᠢᠶᠠᠷ ᠦᠨᠡᠯᠡᠭᠳᠡᠵᠣ᠂ 2 ᠡᠷᠦᠬᠡ ᠦᠪᠡᠷᠳᠡᠭᠡᠨ ᠵᠠᠰᠠᠬᠤ ᠣᠷᠣᠨ ᠤ ᠲᠠᠪᠤᠨ ᠤᠳᠤᠨ ᠲᠡᠰ ᠤᠨ ᠬᠦᠳᠡᠭᠡ ᠲᠤᠰᠬᠤᠨ ᠤ ᠠᠶᠠᠯᠠᠯ ᠵᠢᠭᠤᠯᠴᠢᠯᠡᠯ ᠤᠨ ᠬᠦᠯᠢᠶᠠᠨ ᠠᠪᠬᠤ ᠡᠷᠦᠬᠡ ᠶᠢ ᠰᠢᠨ᠎ᠠ ᠪᠠᠷ ᠦᠨᠡᠯᠡᠨ ᠲᠤᠭᠲᠠᠭᠠᠵᠤ᠂ ᠸᠠᠩ ᠤᠨ ᠤᠷᠳᠤᠨ ᠤ ᠣᠨᠴᠠᠯᠢᠭᠲᠣ ᠰᠠᠭᠤᠭᠠᠯᠢ ᠠᠷᠠᠳ ᠤᠨ ᠵᠡᠬᠡᠯᠢ᠂ ᠵᠠᠩ ᠦᠢᠯᠡ ᠰᠣᠶᠣᠯ ᠤᠨ ᠵᠡᠭᠡᠯᠢ ᠦᠪᠡᠷᠳᠡᠭᠡᠨ ᠵᠠᠰᠠᠬᠤ ᠣᠷᠣᠨ ᠤ ᠲᠡᠤᠬᠡ ᠰᠤᠶᠤᠯ ᠤᠨ ᠨᠡᠷᠡᠲᠤ ᠵᠡᠭᠡᠯᠢ ᠪᠠᠷ ᠨᠡᠷᠡᠶᠢᠳᠦᠭᠳᠡᠪᠠ᠃ ︽ᠠᠯᠠᠱᠠ · ᠭᠠᠷ ᠤᠷᠠᠯᠠᠯ︾᠂ ︽ᠠᠪᠤ ᠶᠢᠨ ᠲᠦᠷᠦᠭᠰᠡᠨ ᠡᠳᠦᠷ︾ ᠵᠡᠷᠬᠡ ᠤᠳᠬ᠎ᠠ ᠤᠷᠠᠯᠢᠭ ᠤᠨ ᠪᠦᠲᠦᠬᠡᠯ ᠪᠠ 18 ᠲᠤᠮᠤ ᠲᠤᠮᠳᠠ ᠬᠤᠲᠠ ᠳᠤ ᠠᠶᠠᠯᠠᠯ ᠵᠢᠭᠤᠯᠴᠢᠯᠠᠯ  ᠤᠨ ᠤᠬᠠᠭᠤᠯᠭ᠎ᠠ ᠲᠠᠨᠢᠯᠴᠠᠭᠤᠯᠭ᠎ᠠ ᠬᠢᠬᠦ ᠵᠡᠷᠬᠡ ᠠᠵᠢᠯᠯᠠᠭ᠎ᠠ ᠶᠢ ᠦᠷᠨᠢᠭᠦᠯᠵᠤ᠂ ︽ᠬᠠᠨ ᠲᠡᠭᠷᠢ ᠶᠢᠨ ᠠᠷᠢᠭᠤᠨ ᠤᠷᠤᠨ · ᠲᠤᠷᠭᠠᠨ ᠵᠠᠮ ᠤᠨ ᠲᠡᠮᠡᠭᠡᠲᠤ ᠨᠤᠲᠤᠭ︾ ᠤᠨ ᠨᠡᠷ᠎ᠠ ᠠᠯᠳᠠᠷᠰᠢᠯ᠂ ᠨᠦᠯᠦᠭᠡᠯᠡᠯᠳᠡ ᠶᠢ ᠣᠯᠠᠮ ᠨᠢᠭᠡ ᠠᠯᠬᠤᠮ ᠶᠡᠬᠡᠰᠬᠡᠪᠠ᠃ ᠪᠦᠬᠦ ᠵᠢᠯ ᠤᠨ ᠵᠢᠭᠤᠯᠴᠢᠯᠠᠭᠴᠢᠳ ᠢ ᠬᠦᠯᠢᠶᠠᠨ ᠠᠪᠤᠭᠰᠠᠨ ᠲᠤᠭ᠎ᠠ 290 ᠲᠦᠮᠡᠨ ᠬᠦᠮᠦᠨ ᠤᠳᠠᠭ᠎ᠠ  ᠳᠤ ᠬᠦᠷᠴᠦ᠂ ᠠᠶᠠᠯᠠᠯ ᠵᠢᠭᠤᠯᠴᠢᠯᠠᠯ ᠤᠨ ᠤᠷᠤᠯᠭ᠎ᠠ 28 ᠳ᠋ᠦᠩᠰᠢᠭᠤᠷ ᠲᠦᠬᠦᠷᠢᠭ ᠲᠤ ᠬᠦᠷᠴᠤ᠂ ᠲᠤᠰᠪᠤᠷᠢ 49%᠂ 39% ᠪᠠᠷ ᠨᠡᠮᠡᠭᠳᠡᠪᠠ᠃ ︵ᠲᠥᠷᠪᠡ︶ ᠦᠢᠯᠡᠴᠢᠯᠡᠬᠡᠨ ᠤ ᠦᠢᠯᠡᠰ ᠢ ᠪᠠᠳᠠᠷᠠᠭᠤᠯᠣᠨ ᠬᠦᠭᠵᠢᠬᠦᠯᠪᠠ᠃ ᠡᠯᠧᠺᠲᠷᠣᠨ ᠬᠤᠳᠠᠯᠳᠤᠭ᠎ᠠ ᠶᠢ ᠶᠡᠬᠡᠪᠡᠷ ᠬᠦᠭᠵᠢᠬᠦᠯᠵᠤ᠂ ᠡᠯᠧᠺᠲᠷᠣᠨ ᠬᠤᠳᠠᠯᠳᠤᠭᠠᠨ ᠤ ᠨᠡᠶᠢᠬᠡᠮᠯᠢᠭ ᠢ ᠪᠠᠶᠢᠭᠤᠯᠵᠤ᠂ ᠡᠯᠧᠺᠲᠷᠣᠨ ᠬᠤᠳᠠᠯᠳᠤᠭᠠᠨ  ᠤ ᠡᠷᠦᠬᠡ ᠶᠢᠨ ᠲᠤᠭ᠎ᠠ 1010 ᠳᠤ ᠬᠦᠷᠴᠤ᠂ ᠠᠵᠢᠯ ᠳᠤ ᠣᠷᠣᠯᠴᠠᠭᠰᠠᠳ 2300 ᠭᠠᠷᠣᠢ ᠪᠠᠶᠢᠵᠤ᠂ 2 ᠳ᠋ᠦᠩᠰᠢᠭᠤᠷ ᠲᠦᠬᠦᠷᠢᠭ ᠪᠣᠷᠣᠯᠠᠭᠤᠯᠤᠯᠲᠠ ᠶᠢᠨ ᠦᠷᠳᠡᠭ ᠢ ᠪᠡᠶᠡᠯᠡᠭᠦᠯᠪᠠ᠃ ᠠᠶᠠᠯᠠᠯ ᠵᠢᠭᠤᠯᠴᠢᠯᠠᠯ ᠪᠤᠯᠤᠨ ᠬᠤᠯᠪᠤᠭᠳᠠᠬᠤ ᠠᠵᠢᠯ ᠲᠦᠷᠦᠯ ᠤᠨ ᠬᠠᠮᠲᠤᠷᠠᠨ ᠬᠦᠭᠵᠢᠬᠦ ᠶᠢ ᠠᠬᠢᠭᠤᠯᠵᠤ᠂ ᠬᠤᠨᠤᠵᠤ ᠰᠠᠭᠤᠬᠤ᠂ ᠬᠤᠭᠤᠯᠠ ᠤᠮᠳᠠᠭᠠᠨ ᠤ ᠦᠢᠯᠡᠰ ᠨᠢ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠣᠷᠣᠯᠠᠭᠤᠯᠣᠭᠰᠠᠨ ᠲᠤᠭ᠎ᠠ  ᠶᠢ ᠪᠠᠷᠤᠭ 9.9 ᠳ᠋ᠦᠩᠰᠢᠭᠤᠷ ᠪᠡᠶᠡᠯᠡᠭᠦᠯᠵᠣ᠂ 10.7 % ᠪᠠᠷ ᠨᠡᠮᠡᠭᠳᠡᠪᠡ᠃ ᠠᠷᠠᠯᠵᠢᠶ᠎ᠠ ᠬᠤᠳᠠᠯᠳᠤᠭᠠᠨ ᠤ ᠬᠦᠢᠯᠭᠡᠭᠡᠨ ᠤ ᠦᠢᠯᠡᠰ ᠤᠨ ᠬᠦᠭᠵᠢᠯᠲᠠ ᠶᠢ ᠢᠳᠡᠪᠬᠢᠳᠠᠢ ᠲᠦᠯᠬᠢᠨ ᠠᠬᠢᠭᠤᠯᠵᠤ᠂ ᠭᠠᠳᠠᠭᠠᠳᠤ ᠳᠤ ᠭᠠᠷᠭᠠᠭᠰᠠᠨ ᠭᠤᠪᠢᠭᠤᠯᠭ᠎ᠠ 620 ᠲᠦᠮᠡᠨ ᠳ᠋ᠤᠯᠯᠠᠷ ᠲᠤ ᠬᠦᠷᠴᠤ᠂ ᠠᠮᠠ ᠬᠦᠨᠡᠰᠦ  ᠶᠢ ᠨᠥᠬᠦᠴᠡᠯᠡᠨ ᠬᠦᠮᠦᠷᠬᠡᠯᠡᠬᠦ ᠪᠣᠳᠠᠰ ᠤᠨ ᠭᠦᠢᠯᠭᠡᠭᠡᠨ ᠤ ᠲᠦᠷᠦᠯ ᠵᠦᠢᠯ ᠢ ᠪᠠᠶᠢᠭᠤᠯᠪᠠ᠃ ᠨᠡᠶᠢᠬᠡᠮ ᠤᠨ ᠬᠡᠷᠡᠭᠯᠡᠬᠡᠨ ᠤ ᠵᠦᠢᠯᠡᠰ ᠢ ᠵᠢᠵᠢᠭᠯᠡᠨ ᠪᠤᠷᠤᠯᠠᠭᠤᠯᠤᠭᠰᠠᠨ ᠶᠡᠷᠥᠩᠬᠡᠢ ᠲᠤᠭ᠎ᠠ ᠪᠠᠷᠤᠭ48.1 ᠳ᠋ᠦᠩᠰᠢᠭᠤᠷ ᠲᠦᠬᠦᠷᠢᠭ ᠢ ᠪᠡᠶᠡᠯᠡᠬᠦᠯᠵᠣ᠂ ᠠᠳᠠᠯᠢ ᠬᠤᠭᠤᠴᠠᠭᠠᠨ ᠤ ᠬᠢ ᠠᠴᠠ 10% ᠪᠠᠷ ᠨᠡᠮᠡᠭᠳᠡᠪᠠ᠃ᠭᠤᠷᠪᠠ᠂ ᠰᠠᠭᠤᠷᠢ ᠪᠠᠨ ᠪᠠᠬᠢᠵᠢᠬᠦᠯᠬᠦ ᠶᠢ ᠪᠠᠷᠢᠮᠲᠠᠯᠠᠵᠤ᠂ ᠬᠦᠭᠵᠢᠯᠲᠠ ᠶᠢᠨ ᠤᠷᠴᠢᠨ ᠲᠤᠭᠤᠷᠢᠨ ᠢ ᠬᠦᠴᠦᠯᠡᠨ ᠪᠤᠢ ᠪᠤᠯᠭᠠᠪᠠ ︵ᠨᠢᠭᠡ︶ ᠠᠮᠢ ᠠᠬᠤᠢ ᠶᠢᠨ ᠪᠠᠶᠢᠭᠤᠯᠤᠯᠳᠡ ᠶᠢᠨ ᠦᠷ᠎ᠡ ᠪᠦᠲᠦᠮᠵᠢ ᠶᠢ ᠦᠷᠬᠦᠯᠵᠢᠯᠡᠨ ᠪᠠᠬᠢᠵᠢᠬᠦᠯᠪᠠ᠃ ᠰᠢᠨ᠎ᠠ ᠨᠢᠭᠡ ᠡᠭᠡᠯᠵᠢ ᠶᠢᠨ ᠨᠤᠲᠤᠭ ᠪᠡᠯᠴᠢᠬᠡᠷ ᠤᠨ ᠨᠦᠬᠦᠪᠤᠷᠢ ᠱᠠᠩᠨᠠᠯ᠂ ᠨᠠᠶᠢᠳᠡ  ᠶᠢᠨ ᠠᠰᠢᠭᠲᠣ ᠤᠢ ᠶᠢᠨ ᠠᠮᠢ ᠠᠬᠤᠢ ᠶᠢᠨ ᠦᠷ᠎ᠡ ᠠᠰᠢᠭ ᠲᠤ ᠨᠦᠬᠦᠪᠤᠷᠢ ᠣᠯᠭᠤᠬᠤ ᠲᠦᠷᠥ ᠶᠢᠨ ᠪᠣᠳᠣᠯᠭ᠎ᠠ ᠶᠢ ᠬᠡᠷᠡᠭᠵᠢᠭᠦᠯᠵᠣ᠂ ᠠᠮᠢ ᠠᠬᠤᠢ  ᠶᠢᠨ ᠬᠠᠮᠠᠭᠠᠯᠠᠯᠲᠠ ᠶᠢᠨ ᠲᠠᠯᠠᠪᠠᠢ 7800 ᠲᠦᠮᠡᠨ ᠮᠤ᠋ ᠳᠤ ᠬᠦᠷᠴᠤ᠂ ᠮᠠᠯᠵᠢᠯ ᠢ ᠵᠣᠭᠰᠤᠭᠠᠵᠤ ᠪᠡᠯᠴᠢᠭᠡᠷ ᠢ ᠰᠡᠷᠭᠦᠭᠡᠬᠦ ᠲᠠᠯᠠᠪᠠᠢ 123 ᠲᠦᠮᠡᠨ ᠮᠤ᠋ ᠳᠤ ᠬᠦᠷᠪᠡ᠃ ᠨᠢᠰᠬᠡᠯ ᠢᠶᠠᠷ ᠤᠶᠢᠵᠢᠭᠤᠯᠬᠤ᠂ ᠪᠢᠲᠡᠬᠦᠮᠵᠢᠯᠡᠨ ᠪᠤᠶᠢᠵᠢᠭᠤᠯᠬᠤ᠂ ᠬᠦᠮᠦᠨ ᠤ ᠬᠦᠴᠤ ᠪᠠᠷ ᠮᠤᠳᠤ ᠲᠠᠷᠢᠭᠰᠠᠨ ᠲᠠᠯᠠᠪᠠᠢ ᠨᠢ 59 ᠲᠦᠮᠡᠨ ᠮᠤ᠋ ᠳᠤ ᠬᠦᠷᠴᠤ᠂ ᠪᠢᠲᠡᠬᠦᠮᠵᠢᠯᠡᠨ ᠪᠦᠲᠦᠬᠡᠨ ᠪᠠᠶᠢᠭᠤᠯᠤᠭᠰᠠᠨ ᠲᠠᠯᠠᠪᠠᠢ 15 ᠲᠦᠮᠡᠨ ᠮᠤ᠋ ᠳᠤ ᠬᠦᠷᠴᠤ᠂ ᠭᠤᠤᠯᠳᠠᠯᠭ᠎ᠠ ᠲᠠᠢ ᠭᠠᠵᠠᠷ ᠤᠷᠤᠨ ᠤ ᠨᠤᠭᠤᠭᠠᠷᠠᠭᠤᠯᠤᠯᠳᠡ ᠨᠢ 6.1 ᠲᠦᠮᠡᠨ ᠮᠤ᠋ ᠳᠤ ᠬᠦᠷᠴᠤ᠂ ᠠᠯᠪᠠᠨ ᠵᠢᠷᠤᠮ ᠢᠶᠠᠷ ᠮᠤᠳᠤ ᠲᠠᠷᠢᠭᠰᠠᠨ ᠲᠤᠭ᠎ᠠ 50 ᠲᠦᠮᠡᠨ ᠰᠠᠭᠤᠷᠢ ᠳᠤ ᠬᠦᠷᠦᠭᠰᠠᠨ ᠪᠠᠶᠢᠨ᠎ᠠ᠃ ᠠᠯᠠᠱᠠ ᠠᠭᠤᠯᠠᠨ ᠤ ᠲᠠᠯ᠎ᠠ ᠨᠤᠲᠤᠭ ᠤᠨ ᠪᠦᠲᠦᠭᠡᠨ ᠪᠠᠶᠢᠭᠤᠯᠤᠯᠲᠠ ᠶᠢ ᠤᠷᠤᠭᠰᠢᠲᠠᠢ ᠪᠠᠷ ᠲᠦᠯᠬᠢᠨ ᠠᠬᠢᠭᠤᠯᠪᠠ᠃ ᠮᠠᠯᠵᠢᠬᠤ ᠶᠢ ᠵᠤᠭᠰᠤᠭᠠᠬᠤ ᠪᠠ ᠮᠠᠯ ᠪᠡᠯᠴᠢᠬᠡᠷ ᠢ ᠲᠡᠩᠴᠡᠭᠦᠷᠢᠰᠢᠭᠦᠯᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠤᠢ ᠰᠢᠭᠤᠢ ᠶᠢᠨ ᠭᠠᠯ  ᠤᠨ ᠰᠡᠷᠭᠡᠶᠢᠯᠡᠯᠳᠡ ᠪᠠ ᠤᠢ ᠰᠢᠭᠤᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠴᠢᠩᠭᠠᠳᠬᠠᠪᠠ᠃ ᠤᠢ ᠰᠢᠭᠤᠢ ᠶᠢᠨ ᠪᠦᠷᠬᠦᠴᠠ ᠶᠢᠨ ᠨᠤᠷᠮ᠎ᠠ ᠪᠤᠯᠤᠨ ᠲᠠᠯ᠎ᠠ ᠨᠤᠲᠤᠭ ᠤᠨ ᠤᠷᠭᠤᠮᠠᠯ ᠤᠨ ᠪᠦᠷᠬᠦᠴᠠ ᠲᠣᠰᠪᠦᠷᠢ 0.4 ᠪᠠ 2 ᠵᠠᠭᠤᠨ ᠤ ᠬᠤᠪᠢ ᠪᠠᠷ ᠨᠡᠮᠡᠭᠳᠡᠪᠠ᠃︵ᠬᠤᠶᠠᠷ︶ ᠤᠷᠴᠢᠨ ᠲᠤᠭᠤᠷᠢᠨ ᠤ ᠬᠠᠮᠠᠭᠠᠯᠠᠯᠲᠠ ᠵᠠᠰᠠᠯᠳᠡ ᠶᠢᠨ ᠠᠵᠢᠯ ᠢ ᠦᠷᠬᠦᠯᠵᠢᠯᠡᠨ ᠴᠢᠩᠭᠠᠳᠬᠠᠪᠠ᠃ ᠴᠢᠩᠭ᠎ᠠ ᠬᠠᠮᠢᠶᠠᠷᠤᠯᠲᠠ ᠦᠨᠳᠦᠷ ᠳᠠᠷᠦᠯᠳᠡ ᠶᠢᠨ ᠪᠠᠶᠢᠳᠠᠯ ᠢᠶᠠᠨ ᠢᠮᠠᠭᠳᠠ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ ᠬᠠᠤᠯᠢ ᠠᠴᠠ ᠵᠦᠷᠢᠴᠡᠭᠰᠡᠨ 34 ᠶᠠᠯᠠᠳᠦ ᠬᠡᠷᠡᠭ  ᠢ ᠬᠠᠤᠯᠢ ᠶᠤᠰᠤᠭᠠᠷ ᠪᠠᠶᠢᠴᠠᠭᠠᠨ ᠰᠢᠢᠳᠪᠤᠷᠢᠯᠠᠪᠠ᠃ ᠠᠭᠠᠷ ᠮᠠᠨᠳᠠᠯ᠂ ᠣᠰᠣᠨ ᠤ ᠪᠣᠬᠢᠷᠳᠣᠯ ᠤᠨ ᠰᠡᠷᠭᠡᠶᠢᠯᠡᠨ ᠵᠠᠰᠠᠯᠳᠡ ᠶᠢ ᠲᠣᠭᠳᠠᠭᠤᠨ ᠢᠶᠠᠷ ᠲᠥᠯᠬᠢᠨ ᠠᠬᠢᠭᠤᠯᠵᠤ᠂ 44 ᠰᠠᠤᠷᠢ ᠬᠤᠲᠠ ᠶᠢᠨ ᠨᠡᠬᠦᠷᠡᠰᠤ ᠲᠦᠯᠡᠬᠦ ᠪᠠᠭ᠎ᠠ ᠬᠡᠯᠪᠡᠷᠢ ᠶᠢᠨ ᠵᠣᠤᠬ᠎ᠠ ᠶᠢ ᠬᠠᠤᠯᠢ ᠶᠤᠰᠤᠭᠠᠷ ᠦᠭᠡᠶᠢᠰᠬᠡᠵᠤ᠂ 57 ᠡᠷᠦᠬᠡ ᠲᠤᠰᠤ ᠨᠡᠮᠡᠬᠦ ᠦᠷᠲᠡᠬᠡᠨ ᠤ ᠲᠤᠰᠤ ᠰᠢᠳᠠᠮᠠᠬᠠᠢ ᠬᠡᠢ ᠶᠢᠨ ᠬᠤᠷᠢᠶᠠᠨ ᠵᠠᠰᠠᠬᠤ ᠠᠵᠢᠯ ᠢ ᠪᠡᠶᠡᠯᠡᠬᠦᠯᠵᠤ᠂ 30 ᠰᠢᠨ᠎ᠠ ᠡᠨᠧᠷᠬᠢ ᠶᠢᠨ ᠤᠯᠠᠨ ᠨᠡᠶᠢᠲᠠ ᠶᠢᠨ ᠮᠠᠰᠢᠨ ᠢ ᠰᠢᠨᠡᠳᠬᠡᠨ ᠰᠤᠯᠢᠵᠤ᠂ 6 ᠬᠠᠶᠠᠭᠳᠠᠮᠠᠯ ᠬᠡᠢ᠂ ᠬᠠᠶᠠᠭᠳᠠᠮᠠᠯ ᠣᠰᠣᠨ ᠤ ᠭᠠᠳᠠᠭᠰᠢᠯᠠᠭᠤᠯᠤᠯᠳᠠ ᠶᠢ ᠪᠠᠭᠠᠰᠬᠠᠬᠤ ᠲᠦᠷᠦᠯ ᠵᠦᠢᠯ ᠢ ᠤᠷᠤᠭᠰᠢᠲᠠᠢ ᠪᠠᠷ ᠲᠦᠯᠬᠢᠨ ᠠᠬᠢᠭᠤᠯᠵᠤ᠂ ᠪᠠᠶᠠᠨᠬᠤᠲᠠ ᠶᠢᠨ ᠵᠢᠯ ᠤᠨ ᠠᠭᠠᠷ ᠮᠠᠨᠳᠠᠯ ᠰᠠᠶᠢᠨ ᠪᠠᠶᠢᠬᠤ ᠡᠳᠦᠷ ᠤᠨ ᠲᠤᠭ᠎ᠠ 321 ᠡᠳᠦᠷ ᠲᠤ ᠬᠦᠷᠴᠠᠢ᠃ ᠣᠷᠴᠢᠨ ᠲᠣᠭᠤᠷᠢᠨ ᠤ  ᠲᠠᠯᠳᠡ ᠭᠡᠮ ᠢ ᠲᠥᠪᠯᠡᠷᠠᠭᠦᠯᠦᠨ ᠪᠠᠶᠢᠴᠠᠭᠠᠨ ᠴᠡᠭᠴᠡᠯᠡᠬᠦ ᠶᠢ ᠪᠦᠬᠦ ᠲᠠᠯ᠎ᠠ ᠪᠠᠷ ᠦᠷᠨᠢᠬᠦᠯᠵᠤ᠂ ᠠᠭᠤᠯᠠ ᠠᠭᠤᠷᠬᠠᠢ᠂ ᠪᠠᠭ᠎ᠠ ᠬᠡᠪᠴᠢᠶᠡᠨ ᠤ ᠨᠡᠬᠦᠷᠡᠰᠤ ᠤᠬᠢᠶᠠᠬᠤ ᠠᠵᠤ ᠠᠬᠤᠶᠢᠯᠠᠯ ᠪᠤᠯᠤᠨ ᠵᠠᠮ ᠲᠠᠭᠠᠤ ᠤᠷᠤᠨ ᠤ ᠤᠷᠴᠢᠨ ᠲᠤᠭᠤᠷᠢᠨ ᠤ ᠶᠡᠷᠥᠩᠬᠡᠶᠢᠯᠡᠭᠰᠡᠨ ᠴᠡᠭᠴᠡᠯᠡᠯᠳᠡ ᠵᠠᠰᠠᠯᠳᠡ ᠵᠢᠴᠢ ᠭᠠᠵᠠᠷ ᠰᠢᠨᠵᠢᠯᠡᠭᠡᠨ ᠤ ᠤᠷᠴᠢᠨ ᠲᠤᠭᠤᠷᠢᠨ ᠤ ᠴᠡᠭᠴᠡᠯᠡᠯᠲᠠ ᠶᠢᠨ ᠦᠷ᠎ᠠ ᠪᠦᠲᠦᠮᠵᠢ ᠢᠯᠡᠷᠬᠡᠢ ᠪᠤᠯᠤᠭᠰᠠᠨ ᠪᠠᠶᠢᠨ᠎ᠠ᠃︵ᠭᠤᠷᠪᠠ︶ ᠬᠥᠭᠵᠢᠯᠳᠡ ᠶᠢ ᠪᠠᠳᠣᠯᠠᠬᠤ ᠴᠢᠳᠠᠪᠣᠷᠢ ᠪᠠᠨ ᠶᠡᠬᠡᠪᠡᠷ ᠲᠡᠭᠡᠭᠰᠢᠯᠡᠬᠦᠯᠪᠠ᠃ ᠤᠯᠠᠨ ᠥᠷᠬᠡᠷᠢᠭ ᠤᠨ᠂ ᠨᠠᠶᠢᠳᠡᠮ ᠪᠦᠷᠬᠦᠭᠦᠯᠦᠭᠰᠡᠨ ᠰᠠᠭᠤᠷᠢ ᠲᠦᠬᠦᠬᠡᠷᠦᠮᠵᠢ ᠶᠢᠨ ᠲᠣᠣᠷ ᠰᠦᠯᠵᠢᠶ᠎ᠠ ᠶᠢ ᠬᠦᠴᠦᠯᠡᠨ ᠪᠠᠶᠢᠭᠤᠯᠪᠠ᠃ ᠠᠭᠤᠯᠠ ᠶᠢᠨ ᠦᠶᠠᠷ ᠤᠨ ᠭᠠᠮᠰᠢᠭ ᠢ ᠰᠡᠷᠬᠡᠶᠢᠯᠡᠨ ᠵᠠᠰᠠᠬᠤ᠂ ᠤᠰᠤᠨ ᠴᠦᠬᠦᠷᠦᠮ ᠢ ᠪᠠᠬᠢᠵᠢᠬᠦᠯᠬᠦ ᠢᠨᠵᠧᠨᠧᠷᠢᠩ ᠢ ᠦᠷᠬᠦᠯᠵᠢᠯᠡᠨ ᠬᠡᠷᠡᠭᠵᠢᠭᠦᠯᠪᠡ︔ ᠠᠯᠠᠱᠠ ᠶᠢᠨ ᠬᠤᠶᠠᠳᠤᠭᠠᠷ ᠴᠠᠬᠢᠯᠭᠠᠨ ᠤ ᠡᠬᠢ ᠰᠤᠷᠪᠤᠯᠵᠢ᠂ ᠬᠤᠯᠠᠳᠠᠬᠢᠨ ᠢ ᠲᠤᠭᠲᠠᠭᠠᠭᠴᠢ ᠬᠤᠷᠢᠶᠠᠨ ᠤ ᠴᠠᠬᠢᠯᠭᠠᠨ ᠬᠦᠴᠦᠨ ᠤ ᠬᠦᠴᠦᠳᠡᠯ ᠢ ᠨᠡᠮᠡᠭᠳᠡᠬᠦᠯᠬᠦ ᠵᠡᠷᠬᠡ ᠭᠤᠤᠯ ᠱᠣᠭᠤᠮ ᠤᠨ ᠴᠠᠬᠢᠯᠭᠠᠨ ᠤ ᠢᠨᠵᠧᠨᠧᠷᠢᠩ ᠤᠨ ᠵᠢᠯ ᠤᠨ ᠪᠡᠯᠡ ᠣᠷᠣᠭᠤᠯᠣᠯᠳᠡ ᠶᠢᠨ ᠲᠦᠯᠦᠪᠯᠡᠭᠡ ᠶᠢ ᠲᠠᠪᠠᠭᠤᠯᠤᠨ ᠪᠡᠶᠡᠯᠡᠬᠦᠯᠵᠤ᠂11 ᠲᠠᠷᠢᠶᠠᠯᠠᠩ ᠤᠨ ᠴᠠᠬᠢᠯᠭᠠᠨ ᠲᠤᠤᠷ ᠢ ᠦᠭᠡᠷᠡᠴᠢᠯᠡᠨ ᠲᠡᠰ ᠲᠡᠪᠰᠢᠬᠦᠯᠬᠦ ᠢᠨᠵᠧᠨᠧᠷᠢᠩ ᠪᠦᠬᠦᠨ ᠢᠶᠠᠷ ᠢᠶᠠᠨ ᠠᠵᠢᠯ ᠢᠶᠠᠨ ᠲᠠᠭᠤᠰᠬᠠᠪᠠ᠃ ᠬᠠᠯᠠᠭᠤᠨ ᠺᠤᠮᠫᠠᠨᠢ ᠶᠢᠨ ᠨᠡᠭᠦᠷᠡᠰᠤ ᠲᠡᠭᠡᠭᠡᠪᠤᠷᠢᠯᠡᠬᠦ ᠲᠤᠰᠠᠬᠠᠢ ᠱᠤᠭᠤᠮ ᠪᠠ ᠪᠠᠶᠠᠨᠬᠤᠲᠠ ᠪᠠᠯᠭᠠᠰᠤ ᠠᠴᠠ ᠲᠤᠩᠭᠠᠯᠠᠭ ᠨᠠᠭᠤᠷ ᠬᠦᠷᠬᠦ ᠵᠠᠮ ᠬᠡᠷᠡᠭᠯᠡᠭᠡᠨ ᠳᠤ ᠣᠷᠣᠵᠣ᠂ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠵᠠᠮ ᠤᠨ ᠠᠯᠠᠱᠠ ᠵᠡᠬᠦᠨ ᠬᠤᠰᠢᠭᠤᠨ ᠳᠠᠬᠢ ᠬᠡᠰᠡᠭ᠂ ᠲᠤᠩᠭᠠᠯᠠᠭ ᠠᠴᠠ ᠡᠷᠬᠡᠬᠠᠰᠬ᠎ᠠ ᠬᠦᠷᠬᠦ ᠡᠯᠡᠰᠦ ᠶᠢ ᠲᠤᠭᠤᠯᠤᠭᠰᠠᠨ ᠵᠠᠰᠠᠮᠠᠯ ᠵᠠᠮ ᠤᠨ ᠪᠦᠬᠦ ᠱᠣᠭᠤᠮ ᠢ ᠨᠡᠪᠲᠡᠷᠡᠬᠦᠯᠵᠤ᠂ ᠪᠠᠶᠠᠨᠬᠤᠲᠠ ᠠᠴᠠ ᠮᠥᠩᠬᠦᠨ ᠬᠦᠷᠬᠦ ᠨᠢᠭᠡᠳᠦᠬᠡᠷ ᠲᠡᠰ ᠤᠨ ᠵᠠᠰᠠᠮᠠᠯ ᠵᠠᠮ ᠤᠨ ᠠᠵᠢᠯ ᠢ ᠲᠦᠷᠬᠡᠳᠬᠡᠨ ᠠᠬᠢᠭᠤᠯᠪᠠ︔ 4.8 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 15 ᠵᠤᠷᠪᠤᠰ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠪᠠ 39 ᠭᠠᠴᠠᠭ᠎ᠠ ᠲᠤᠰᠬᠤᠨ ᠤ ᠵᠡᠬᠡᠯᠢ ᠭᠤᠲᠤᠮᠵᠢ ᠶᠢᠨ ᠬᠠᠲᠠᠭᠤᠷᠠᠭᠤᠯᠣᠯᠳᠡ ᠶᠢᠨ ᠢᠨᠵᠧᠨᠧᠷᠢᠩ ᠢ ᠪᠡᠶᠡᠯᠡᠬᠦᠯᠵᠤ᠂ ᠰᠢᠨ᠎ᠠ ᠪᠠᠷ 488 ᠺᠢᠯᠤᠮᠧᠲᠷ ᠤᠨ ᠵᠠᠰᠠᠮᠠᠯ ᠵᠠᠮ ᠢ ᠨᠡᠮᠡᠭᠳᠡᠬᠦᠯᠦᠭᠰᠠᠨ ᠪᠠᠶᠢᠨ᠎ᠠ︔ ᠭᠠᠨ ᠲᠠᠩ ᠠᠴᠠ ᠡᠤ ᠸᠧᠢ  ᠶᠢᠨ ᠡᠮᠤᠨ᠎ᠡ ᠬᠦᠷᠬᠦ ᠬᠤᠶᠠᠳᠤᠭᠠᠷ ᠱᠤᠭᠤᠮ ᠪᠠᠷᠢᠯᠭ᠎ᠠ ᠳᠠᠭᠤᠰᠴᠣ ᠠᠰᠢᠭᠯᠠᠯᠳᠡ ᠳᠤ ᠣᠷᠣᠵᠣ᠂ ᠪᠠᠶᠠᠨᠬᠤᠲᠠ ᠠᠴᠠ ᠢᠷᠭᠠᠢ ᠬᠦᠷᠬᠦ ᠲᠦᠷᠬᠡᠨ ᠲᠡᠮᠦᠷ ᠵᠠᠮ ᠤᠨ ᠬᠠᠶᠢᠨ ᠪᠠᠶᠢᠴᠠᠭᠠᠯᠳᠠ ᠪᠠ ᠵᠢᠷᠤᠭ ᠲᠥᠯᠦᠪᠯᠡᠭᠡ ᠪᠠᠨ ᠡᠬᠢᠯᠡᠬᠦᠯᠪᠠ︔ ᠪᠠᠶᠠᠨᠬᠤᠲᠠ ᠶᠢᠨ ᠠᠵᠢᠯ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠤᠨ ᠨᠢᠰᠤᠯᠳᠡ ᠶᠢᠨ ᠲᠠᠯᠠᠪᠠᠢ ᠶᠢ ᠦᠭᠡᠷᠡᠴᠢᠯᠡᠨ ᠪᠠᠶᠢᠭᠤᠯᠬᠤ ᠢᠨᠵᠧᠨᠧᠷᠢᠩ ᠢ ᠲᠠᠭᠤᠰᠬᠠᠵᠤ᠂ ᠠᠭᠠᠷ ᠤᠨ ᠱᠣᠭᠤᠮ ᠳᠠᠬᠢᠨ ᠨᠠᠪᠳᠡᠷᠡᠪᠠ᠃︵ᠲᠥᠷᠪᠡ︶ ᠬᠤᠳᠠ ᠬᠦᠳᠡᠭᠡᠨ ᠤ ᠲᠥᠯᠦᠪᠵᠢᠭᠦᠯᠭᠡ ᠪᠠ ᠪᠦᠲᠦᠬᠡᠨ ᠪᠠᠶᠢᠭᠤᠯᠤᠯᠲᠠ ᠶᠢ ᠦᠨᠡᠨᠬᠦ ᠴᠢᠨᠭᠠᠳᠬᠠᠪᠠ᠃ ᠵᠤᠬᠢᠴᠠᠩᠭᠤᠢ ᠬᠦᠭᠵᠢᠯᠲᠠ ᠶᠢ ᠪᠠᠷᠢᠮᠲᠠᠯᠠᠵᠤ᠂ ᠤᠯᠤᠰ ᠤᠨ ᠪᠤᠯᠪᠠᠰᠤᠨ ᠬᠤᠲᠠ ᠪᠠᠯᠭᠠᠰᠣ ᠪᠠ ᠡᠷᠡᠭᠦᠯ ᠬᠠᠮᠠᠭᠠᠯᠠᠯ  ᠤᠨ ᠬᠤᠰᠢᠭᠤ ᠰᠢᠶᠠᠨ ᠢ ᠡᠬᠦᠳᠦᠨ ᠪᠠᠶᠢᠭᠤᠯᠬᠤ ᠠᠵᠢᠯ ᠲᠠᠢ ᠤᠶᠠᠯᠳᠤᠭᠤᠯᠤᠨ᠂ ᠬᠤᠲᠠ ᠬᠦᠳᠡᠭᠡᠨ ᠤ ᠨᠢᠬᠡ ᠴᠤᠭᠴᠠᠵᠢᠭᠤᠯᠤᠯᠲᠠ ᠶᠢ ᠨᠢᠭᠡᠳᠦᠯᠲᠠᠢ ᠪᠠᠷ ᠲᠦᠯᠬᠢᠨ ᠠᠬᠢᠭᠤᠯᠪᠠ᠃ ᠪᠠᠶᠠᠨᠬᠤᠲᠠ ᠪᠠᠯᠭᠠᠰᠤᠨ ᠤ ᠪᠠᠶᠢᠭᠤᠯᠤᠯᠲᠠ  ᠶᠢᠨ ᠤᠷᠤᠨ ᠤ ᠡᠵᠡᠮᠰᠢᠯ ᠤᠨ ᠴᠢᠨᠠᠷᠲᠠᠢ ᠨᠠᠷᠢᠨ ᠲᠦᠯᠥᠪᠵᠢᠭᠦᠯᠭᠡ ᠵᠡᠷᠭᠡ ᠶᠢ ᠨᠠᠶᠢᠷᠠᠭᠤᠯᠤᠨ ᠵᠠᠰᠠᠪᠠ᠃ 8.6 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ 30 ᠲᠦᠷᠦᠯ ᠤᠨ ᠬᠤᠲᠠ ᠶᠢᠨ ᠪᠠᠶᠢᠭᠤᠯᠤᠯᠲᠠ ᠶᠢᠨ ᠲᠥᠷᠦᠯ ᠵᠦᠢᠯ ᠢ ᠬᠡᠷᠡᠭᠵᠢᠭᠦᠯᠵᠣ᠂ ᠦᠬᠡᠯᠦᠳ᠂ ᠲᠤᠷᠭᠤᠳ ᠬᠤᠶᠠᠷ ᠵᠢᠱᠢᠶ᠎ᠠ ᠵᠡᠬᠡᠯᠢ ᠶᠢ ᠪᠦᠲᠦᠬᠡᠨ ᠪᠠᠶᠢᠭᠤᠯᠵᠤ᠂ ᠰᠢᠨᠬᠤᠸᠠ ᠵᠡᠭᠡᠯᠢ ᠶᠢᠨ ᠦᠷᠭᠦᠯᠵᠢᠯᠡᠯ ᠤᠨ ᠬᠡᠰᠡᠭ ᠵᠡᠷᠬᠡ 10 ᠵᠤᠷᠪᠤᠰ ᠵᠠᠮ ᠤᠨ ᠪᠦᠲᠦᠭᠡᠨ ᠪᠠᠶᠢᠭᠤᠯᠣᠯᠳᠡ ᠥᠭᠡᠷᠡᠴᠢᠯᠡᠯᠳᠡ ᠵᠠᠰᠠᠯᠳᠡ ᠶᠢᠨ ᠢᠨᠵᠧᠨᠧᠷᠢᠩ᠂ ᠭᠤᠤᠯᠳᠤ ᠪᠤᠷᠤ ᠶᠢᠨ ᠬᠦᠷᠢᠶᠠᠯᠠᠩ᠂ ᠤᠪᠤᠭ᠎ᠠ  ᠶᠢᠨ ᠴᠡᠴᠡᠷᠯᠢᠭ ᠵᠡᠷᠬᠡ ᠨᠤᠭᠤᠭᠠᠷᠠᠭᠤᠯᠣᠯᠳᠠ ᠶᠢᠨ ᠦᠵᠡᠮᠵᠢ ᠶᠢᠨ ᠢᠨᠵᠧᠨᠧᠷᠢᠩ ᠢ ᠬᠡᠷᠡᠭᠵᠢᠭᠦᠯᠪᠠ᠃ 5630 ᠡᠷᠦᠬᠡ 67.3 ᠲᠥᠮᠡᠨ ᠲᠡᠭᠰᠢ ᠲᠥᠷᠪᠡᠯᠵᠢᠨ ᠮᠧᠲᠷ ᠪᠥᠷᠬᠡ ᠭᠡᠷ ᠤᠨ ᠲᠣᠭᠤᠷᠢᠭ ᠤᠨ ᠦᠭᠡᠷᠡᠴᠢᠯᠡᠯᠳᠠ ᠶᠢ ᠬᠢᠵᠣ᠂ 13 ᠰᠠᠭᠤᠭᠠᠯᠢ ᠲᠤᠭᠤᠷᠢᠭ ᠲᠤ ᠡᠨᠧᠷᠬᠢ ᠠᠷᠪᠢᠯᠠᠬᠤ ᠦᠭᠡᠷᠡᠴᠢᠯᠡᠨ ᠵᠠᠰᠠᠯᠳᠡ ᠬᠢᠵᠤ᠂ 4 ᠬᠠᠭᠤᠴᠢᠨ ᠰᠠᠭᠤᠭᠠᠯᠢ ᠲᠤᠭᠤᠷᠢᠭ ᠤᠨ ᠰᠠᠭᠤᠷᠢ ᠲᠦᠬᠦᠬᠡᠷᠦᠮᠵᠢ ᠶᠢ ᠦᠭᠡᠷᠡᠴᠢᠯᠡᠨ ᠰᠠᠶᠢᠵᠢᠷᠠᠭᠤᠯᠪᠠ᠃ 480 ᠰᠠᠤᠷᠢ ᠤᠯᠠᠨ ᠨᠡᠶᠢᠲᠠ  ᠶᠢᠨ ᠲᠦᠷᠢᠶᠡᠰᠦᠨ ᠬᠡᠷ ᠪᠡᠶᠢᠰᠢᠩ ᠢ ᠰᠢᠨ᠎ᠠ ᠪᠠᠷ ᠪᠠᠶᠢᠭᠤᠯᠬᠤ ᠪᠤᠶᠤ ᠪᠣᠴᠠᠭᠠᠨ ᠬᠤᠳᠠᠯᠳᠤᠨ ᠠᠪᠴᠤ᠂ 1801 ᠢᠵᠢ ᠲᠠᠸᠠᠷ ᠤᠨ ᠪᠠᠶᠢᠰᠢᠩ ᠢ ᠪᠤᠷᠤᠯᠠᠭᠤᠯᠪᠠ᠃ 14 ᠵᠣᠷᠪᠣᠰ ᠬᠤᠳᠠ ᠣᠷᠣᠨ ᠤ ᠵᠡᠭᠡᠯᠢ ᠭᠤᠳᠣᠮᠵᠢ ᠶᠢ ᠲᠡᠰ ᠲᠡᠪᠰᠢᠭᠦᠯᠤᠨ ᠰᠡᠯᠪᠢᠨ ᠵᠠᠰᠠᠵᠣ᠂ ᠭᠤᠣᠯ ᠵᠠᠮ  ᠤᠨ 624 ᠰᠠᠤᠷᠢ ᠬᠡᠷᠡᠯᠲᠦᠬᠦᠯᠬᠡ ᠶᠢ ᠰᠤᠯᠢᠪᠠ᠃ 63 ᠰᠠᠤᠷᠢ ᠤᠯᠠᠨ ᠨᠡᠶᠢᠲᠡ ᠶᠢᠨ ᠵᠤᠷᠯᠤᠩ ᠢ ᠥᠭᠡᠷᠡᠴᠢᠯᠠᠨ ᠵᠠᠰᠠᠬᠤ ᠪᠠ ᠰᠢᠨ᠎ᠠ ᠪᠠᠷ ᠪᠠᠶᠢᠭᠤᠯᠵᠤ᠂ ᠵᠠᠮ ᠤᠨ ᠴᠡᠪᠡᠷᠯᠡᠯᠲᠠ ᠶᠢᠨ ᠨᠤᠷᠮ᠎ᠠ ᠪᠤᠯᠤᠨ ᠮᠠᠰᠢᠨᠴᠢᠯᠠᠭᠰᠠᠨ ᠴᠡᠪᠡᠷᠯᠡᠭᠡ ᠶᠢᠨ ᠨᠤᠷᠮ᠎ᠠ ᠲᠤᠰᠪᠤᠷᠢ 97%᠂ 86% ᠳᠤ ᠬᠦᠷᠴᠦ᠂ ᠬᠤᠣᠷᠠᠳᠠᠯ ᠦᠭᠡᠢ ᠪᠠᠷ ᠬᠤᠭ ᠨᠣᠪᠰᠢ ᠶᠢ ᠰᠢᠢᠳᠪᠤᠷᠢᠯᠡᠭᠰᠡᠨ ᠨᠤᠷᠮ᠎ᠠ ᠨᠢ 97.2% ᠳᠤ ᠬᠦᠷᠪᠠ᠃ 29.1 ᠺᠢᠯᠤᠮᠧᠲᠷ ᠤᠨ ᠲᠤᠯᠠᠭᠠᠯᠭ᠎ᠠ ᠬᠠᠨᠭ᠍ᠭᠠᠬᠤ᠂ ᠪᠠᠶᠢᠭᠠᠯᠢ ᠶᠢᠨ ᠰᠢᠳᠠᠮᠠᠬᠠᠢ ᠬᠡᠢ ᠬᠠᠩᠭᠠᠬᠤ᠂ ᠪᠤᠵᠠᠷ ᠤᠰᠤ ᠶᠢ ᠭᠠᠳᠠᠭᠰᠢᠯᠠᠭᠤᠯᠬᠤ ᠵᠡᠷᠭᠡ ᠬᠤᠳᠡ ᠶᠢᠨ ᠶᠠᠪᠣᠳᠠᠯ ᠤᠨ ᠬᠤᠭᠤᠯᠠᠢ ᠶᠢᠨ ᠲᠣᠣᠷ ᠢ ᠰᠢᠨ᠎ᠡ ᠪᠠᠷ ᠨᠡᠮᠡᠭᠳᠡᠭᠦᠯᠪᠠ᠃ 11 ᠰᠤᠮᠤ ᠪᠠᠯᠭᠠᠰᠤᠨ ᠤ ᠵᠠᠰᠠᠭ  ᠤᠨ ᠣᠷᠳᠣᠨ ᠤ ᠰᠠᠭᠤᠭ᠎ᠠ ᠭᠠᠵᠠᠷ ᠣᠷᠣᠨ ᠤ ᠤᠷᠴᠢᠨ ᠲᠤᠭᠤᠷᠢᠨ ᠤ ᠶᠠᠷᠤᠩᠬᠡᠶᠢᠯᠡᠭᠰᠡᠨ ᠴᠡᠭᠴᠡᠯᠡᠯᠳᠡ ᠪᠠ ᠵᠡᠭᠡᠯᠢ ᠶᠢᠨ ᠦᠵᠡᠮᠵᠢ ᠶᠢ ᠦᠭᠡᠷᠡᠴᠢᠯᠡᠨ ᠰᠠᠶᠢᠵᠢᠷᠠᠭᠤᠯᠵᠣ ᠲᠡᠰ ᠲᠡᠪᠰᠢᠭᠦᠯᠬᠦ  ᠶᠢ ᠬᠡᠷᠡᠭᠵᠢᠭᠦᠯᠪᠠ᠃ ᠪᠠᠷᠠᠭᠤᠨ ᠪᠡᠯ ᠤᠨ ᠮᠠᠯᠵᠢᠬᠤ ᠲᠠᠷᠢᠶᠠᠯᠠᠬᠤ ᠤᠷᠤᠨ ᠤ ᠬᠤᠭ ᠨᠣᠪᠰᠢ ᠶᠢ ᠬᠤᠷᠢᠶᠠᠨ ᠲᠡᠭᠡᠭᠡᠪᠤᠷᠢᠯᠡᠬᠦ᠂ ᠪᠠᠶᠠᠨᠨᠢᠷᠤᠭᠤᠨ ᠤ ᠬᠠᠲᠠᠭᠤ ᠪᠡᠶᠡᠲᠣ ᠬᠤᠭ ᠨᠤᠪᠰᠢ ᠶᠢ ᠰᠢᠢᠳᠪᠦᠷᠢᠯᠡᠬᠦ ᠲᠦᠷᠦᠯ ᠵᠦᠢᠯ ᠢ ᠪᠠᠶᠢᠭᠤᠯᠪᠠ᠃ ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢ ᠰᠤᠮᠤ ᠪᠠᠯᠭᠠᠰᠤ᠂ ᠭᠠᠴᠠᠭ᠎ᠠ ᠲᠤᠰᠬᠤᠨ  ᠢᠶᠠᠷ ᠲᠥᠭᠡᠮᠡᠯᠵᠢᠭᠦᠯᠵᠣ᠂ ᠬᠤᠲᠠ ᠬᠦᠳᠡᠭᠡᠨ ᠤ ᠨᠢᠬᠡ ᠴᠤᠭᠴᠠᠵᠢᠯᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠠᠩᠬ᠎ᠠ ᠪᠦᠷᠢᠯᠳᠦᠭᠦᠯᠦᠭᠰᠡᠨ ᠪᠠᠶᠢᠨ᠎ᠠ᠃ᠲᠥᠷᠪᠡ᠂ ᠪᠤᠲᠠᠲᠤ ᠦᠷ᠎ᠡ ᠪᠦᠲᠦᠮᠵᠢ ᠣᠯᠬᠤ ᠶᠢ ᠪᠠᠷᠢᠮᠲᠠᠯᠠᠵᠤ᠂ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠭᠦᠯᠬᠦ ᠵᠥᠭ ᠯᠠᠪᠳᠠᠭᠤᠨ ᠢᠶᠠᠷ ᠤᠷᠤᠭᠰᠢᠯᠠᠪᠠ︵ᠨᠢᠭᠡ︶ ᠤᠨᠤᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠠ ᠶᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ︽ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠳᠤ᠂ ᠨᠢᠬᠡ ᠡᠷᠦᠬᠡ ᠨᠢᠬᠡ ᠬᠦᠮᠦᠨ ᠢ ᠣᠷᠬᠢᠭᠳᠠᠭᠤᠯᠬᠤ ᠦᠭᠡᠢ︾ ᠪᠠᠶᠢᠬᠤ ᠲᠡᠭᠡᠲᠣ ᠬᠡᠮᠵᠢᠶᠠᠨ ᠤ ᠤᠯᠤᠰ ᠲᠦᠷᠤ ᠶᠢᠨ ᠬᠠᠷᠢᠭᠤᠴᠠᠯᠭᠠᠲᠤ ᠤᠪᠤᠷ ᠢᠶᠠᠷ᠂ ᠡᠯ᠎ᠠ ᠲᠠᠯ᠎ᠠ ᠶᠢᠨ ᠬᠦᠴᠦᠨ ᠢ ᠨᠢᠭᠡᠳᠬᠡᠵᠤ᠂ ᠠᠷᠭ᠎ᠠ ᠪᠠᠷᠢᠯ ᠢᠶᠠᠨ ᠰᠢᠨᠡᠴᠢᠯᠡᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠠ ᠶᠢᠨ ᠢᠨᠵᠧᠨᠧᠷᠢᠩ ᠢ ᠪᠦᠬᠦ ᠬᠦᠴᠦᠨ ᠢᠶᠠᠷ ᠲᠦᠯᠬᠢᠨ ᠠᠬᠢᠭᠤᠯᠪᠠ᠃ ︽ᠭᠤᠷᠪᠠ ᠶᠢ ᠬᠦᠳᠡᠭᠡ ᠳᠤ ᠪᠠᠭᠤᠯᠭᠠᠵᠤ᠂ ᠭᠤᠷᠪᠠ ᠶᠢ ᠡᠷᠦᠬᠡ ᠳᠤ ᠬᠦᠷᠬᠡᠬᠦ︾᠂ ᠮᠥᠩᠬᠦᠨ ᠬᠦᠢᠯᠭᠡᠭᠡ ᠪᠠᠷ ᠶᠠᠳᠠᠭᠤ ᠶᠢ ᠲᠡᠳᠬᠦᠬᠦ᠂ ᠨᠡᠬᠦᠯᠭᠡᠨ ᠰᠢᠯᠵᠢᠭᠦᠯᠬᠦ ᠵᠡᠷᠬᠡ ᠲᠦᠷᠦᠯ ᠵᠦᠢᠯ ᠤᠨ ᠲᠤᠭᠤᠷᠢᠨ ᠳᠤ᠂ ᠠᠯᠠᠰᠢᠨ ᠮᠠᠯ ᠤᠨ ᠠᠵᠣ ᠦᠢᠯᠡᠰ ᠤᠨ ᠠᠰᠢᠭ ᠬᠤᠪᠢᠶᠠᠬᠤ᠂ ᠠᠮᠢ ᠠᠬᠤᠢ ᠶᠢᠨ ᠨᠦᠬᠦᠪᠤᠷᠢ ᠪᠠᠷ ᠲᠤᠯᠭᠠᠭᠤᠷᠢᠯᠠᠬᠤ᠂ ᠡᠮ ᠡᠮᠨᠡᠯᠬᠡ᠂ ᠰᠤᠷᠭᠠᠨ ᠬᠦᠮᠦᠵᠢᠯ᠂ ᠣᠷᠣᠨ ᠰᠠᠭᠤᠴᠠ ᠶᠢᠨ ᠪᠠᠲᠤᠯᠠᠭ᠎ᠠ᠂ ᠤᠨᠴᠠᠭᠠᠢ ᠪᠠᠶᠢᠳᠠᠯ  ᠳᠤ ᠴᠢᠭᠯᠡᠭᠦᠯᠦᠨ ᠬᠠᠷᠠᠭᠠᠯᠵᠠᠬᠤ ᠲᠦᠷᠤ ᠶᠢᠨ ᠪᠣᠳᠣᠯᠭ᠎ᠠ ᠵᠡᠷᠬᠡ ᠭᠤᠤᠯᠳᠠᠯᠭ᠎ᠠ ᠲᠠᠢ ᠠᠷᠭ᠎ᠠ ᠪᠠᠷᠢᠯ ᠢ ᠬᠡᠷᠡᠭᠵᠢᠭᠦᠯᠵᠤ᠂ 2.6 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ ᠮᠥᠩᠬᠦ ᠶᠢ ᠣᠷᠣᠭᠤᠯᠵᠣ᠂ 5.7 ᠳ᠋ᠦᠩᠰᠢᠭᠤᠷ ᠲᠥᠭᠦᠷᠢᠭ ᠤᠨ ᠶᠠᠳᠠᠭᠤ ᠶᠢ ᠲᠡᠳᠬᠦᠬᠦ ᠵᠢᠬᠡᠯᠡᠯᠬᠡ  ᠶᠢ ᠲᠠᠯᠪᠢᠵᠤ᠂ 1780 ᠡᠷᠦᠬᠡ 3889 ᠶᠠᠳᠠᠭᠤ ᠬᠦᠴᠢᠷᠳᠡᠯᠲᠠᠢ ᠬᠦᠮᠦᠰ ᠤᠨ ᠲᠤᠭᠲᠠᠭᠰᠠᠨ ᠬᠤᠭᠤᠴᠠᠭᠠᠨ ᠳᠤ ︽ᠢᠳᠡᠵᠤ ᠡᠮᠤᠰᠬᠦ ᠳᠤ ᠰᠠᠨᠠᠭ᠎ᠠ ᠵᠤᠪᠠᠭ᠋ᠤ ᠦᠭᠡᠢ᠂ ᠭᠡᠷ ᠪᠠᠶᠢᠰᠢᠩ᠂ ᠡᠷᠡᠭᠦᠯ ᠬᠠᠮᠠᠭᠠᠯᠠᠯ᠂ ᠰᠤᠷᠭᠠᠨ ᠬᠦᠮᠦᠵᠢᠯ ᠳᠤ ᠪᠠᠲᠤᠯᠠᠭ᠎ᠠ ᠲᠠᠢ︾ ᠬᠠᠷᠠᠯᠳᠠ ᠶᠢ ᠪᠡᠶᠡᠯᠡᠬᠦᠯᠵᠤ᠂ ᠶᠠᠳᠠᠭᠤ ᠠᠴᠠ ᠠᠩᠬᠢᠵᠢᠷᠠᠭᠤᠯᠬᠤ ᠰᠢᠪᠳᠦᠯᠦᠯᠳᠠ  ᠶᠢᠨ ᠠᠵᠢᠯ ᠦᠪᠡᠷᠳᠡᠭᠡᠨ ᠵᠠᠰᠠᠬᠤ ᠤᠷᠤᠨ ᠳᠤ ᠲᠡᠷᠢᠭᠦᠨ ᠪᠠᠶᠢᠷᠢᠨ ᠳᠤ ᠤᠷᠤᠪᠠ᠃︵ᠬᠤᠶᠠᠷ︶ ᠦᠵᠡᠰᠬᠦᠯᠡᠩᠲᠤ ᠬᠦᠳᠡᠭᠡ ᠲᠤᠰᠬᠤᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠬᠦᠯᠪᠠ᠃ ︽ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠠᠶᠢᠭᠤᠯᠬᠤ︾  ᠶᠢ ᠡᠩ ᠲᠡᠷᠢᠭᠦᠨ ᠳᠤ ᠪᠡᠶᠡᠯᠡᠬᠦᠯᠬᠦ ᠬᠠᠷᠠᠯᠲᠠ ᠶᠢᠨ ᠲᠤᠭᠤᠷᠢᠨ ᠳᠤ᠂ ᠮᠠᠯᠵᠢᠬᠤ ᠲᠠᠷᠢᠶᠠᠯᠠᠬᠤ ᠤᠷᠤᠨ ᠤ ᠦᠢᠯᠡᠳᠪᠤᠷᠢᠯᠡᠯ ᠠᠮᠢᠳᠤᠷᠠᠯ᠂ ᠤᠯᠠᠨ ᠨᠡᠶᠢᠲᠠ ᠶᠢᠨ ᠦᠢᠯᠡᠴᠢᠯᠡᠬᠡᠨ ᠤ ᠦᠨᠳᠦᠰᠤᠨ ᠨᠦᠬᠦᠴᠡᠯ ᠪᠠ ᠤᠷᠴᠢᠨ ᠲᠤᠭᠤᠷᠢᠨ ᠤ ᠪᠠᠶᠢᠳᠠᠯ ᠢ ᠪᠦᠷᠢᠮᠦᠰᠦᠨ ᠥᠭᠡᠷᠡᠴᠢᠯᠡᠪᠠ᠃ ᠨᠡᠶᠢᠲᠠ 31.2 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ 6246 ᠡᠷᠦᠬᠡ ᠶᠢ ᠨᠡᠭᠦᠯᠭᠡᠨ ᠰᠢᠯᠵᠢᠭᠦᠯᠤᠨ ᠬᠤᠳᠡ ᠳᠤ ᠣᠷᠣᠭᠤᠯᠵᠣ᠂ 2631 ᠡᠷᠦᠬᠡ ᠳᠤ ᠰᠢᠨ᠎ᠠ ᠭᠡᠷ ᠪᠠᠷᠢᠵᠤ᠂ 6573 ᠡᠷᠦᠬᠡ ᠶᠢᠨ ᠭᠡᠷ ᠢ ᠦᠭᠡᠷᠡᠴᠢᠯᠠᠨ ᠰᠡᠯᠪᠢᠨ ᠰᠢᠨᠡᠳᠭᠡᠵᠤ᠂ ᠬᠢᠯᠢ ᠲᠠᠭᠠᠤ 44 ᠶᠢᠨ ᠭᠡᠷ ᠤᠨ ᠴᠢᠨᠠᠷ ᠢ ᠰᠠᠶᠢᠵᠢᠷᠠᠭᠤᠯᠪᠠ᠃15494 ᠡᠷᠦᠬᠡ ᠮᠠᠯᠴᠢᠨ ᠲᠠᠷᠢᠶᠠᠴᠢᠨ ᠤ ᠤᠤᠭᠤᠬᠤ ᠤᠰᠤᠨ ᠤ ᠠᠮᠤᠷ ᠲᠥᠪᠰᠢᠨ ᠢ ᠪᠠᠲᠣᠯᠠᠪᠠ᠃ 615 ᠺᠢᠯᠤᠮᠧᠲᠷ ᠵᠡᠬᠡᠯᠢ ᠭᠤᠲᠤᠮᠵᠢ ᠶᠢ ᠬᠠᠲᠠᠭᠤᠷᠠᠭᠤᠯᠣᠨ ᠠᠷᠠᠴᠢᠯᠠᠵᠣ᠂ ᠵᠠᠰᠠᠭ ᠵᠠᠬᠢᠷᠭᠠᠨ ᠤ ᠭᠠᠴᠠᠭ᠎ᠠ ᠲᠤᠰᠬᠤᠨ ᠪᠦᠭᠦᠳᠡ ᠵᠠᠮ ᠨᠡᠪᠲᠡᠷᠡᠪᠠ︔ 2536 ᠺᠢᠯᠤᠮᠧᠲᠷ ᠤᠨ ᠴᠠᠬᠢᠯᠭᠠᠨ ᠱᠤᠭᠤᠮ ᠢ ᠦᠭᠡᠷᠡᠴᠢᠯᠡᠨ ᠪᠠᠶᠢᠭᠤᠯᠵᠤ᠂ 2400 ᠷᠠᠳᠢᠤ᠋ ᠲᠧᠯᠸᠢᠰ ᠤᠨ ᠲᠦᠬᠦᠬᠡᠷᠦᠮᠵᠢ ᠶᠢ ᠲᠠᠷᠬᠠᠭᠠᠵᠤ᠂ ᠡᠷᠦᠬᠡ ᠪᠦᠷᠢ ᠳᠤ ᠠᠮᠢᠳᠤᠷᠠᠯ ᠤᠨ ᠴᠠᠬᠢᠯᠭᠠᠨ᠂ ᠲᠧᠯᠸᠢᠰ ᠨᠡᠪᠲᠡᠷᠡᠵᠤ᠂ ᠲᠤᠰᠬᠤᠨ ᠪᠦᠷᠢ ᠳᠤ ᠷᠠᠳᠢᠤ᠋ ᠨᠡᠪᠲᠡᠷᠡᠬᠦ ᠶᠢ ᠪᠡᠶᠡᠯᠡᠬᠦᠯᠪᠠ᠃ ᠬᠡᠤᠬᠡᠳ ᠤᠨ ᠴᠡᠴᠡᠷᠯᠢᠭ ᠢ 5 ᠰᠠᠤᠷᠢ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠡᠬᠢ ᠪᠠᠶᠠᠯᠢᠭ ᠢ ᠨᠠᠶᠢᠳᠡᠮ ᠪᠦᠷᠬᠦᠭᠦᠯᠪᠡ᠃ 120 ᠰᠠᠤᠷᠢ ᠡᠷᠡᠬᠦᠯ ᠬᠠᠮᠠᠭᠠᠯᠠᠯ ᠤᠨ ᠬᠤᠷᠢᠶ᠎ᠠ ᠪᠤᠯᠤᠨ ᠲᠤᠭᠲᠠᠮᠠᠯ ᠨᠡᠭᠦᠳᠡᠯ ᠡᠷᠡᠬᠦᠯ ᠬᠠᠮᠠᠭᠠᠯᠠᠯ ᠤᠨ ᠦᠷᠦᠬᠡ᠂ ᠰᠤᠶᠤᠯ  ᠤᠨ ᠠᠵᠢᠯᠯᠠᠭᠠᠨ ᠤ 114 ᠦᠷᠦᠬᠡ᠂ ᠠᠷᠠᠳ ᠲᠤ ᠲᠦᠬᠦᠮ ᠦᠵᠡᠬᠦᠯᠬᠦ 56 ᠬᠡᠳᠤ ᠲᠡᠯᠭᠡᠬᠦᠷ᠂ ᠲᠠᠸᠠᠷ ᠲᠣᠬᠢᠷᠠᠭᠤᠯᠤᠨ ᠬᠦᠷᠬᠡᠬᠦ ᠲᠥᠪ ᠢ ᠰᠢᠨ᠎ᠠ ᠪᠠᠷ 1 ᠶᠢ ᠪᠠᠶᠢᠭᠤᠯᠬᠤ ᠪᠠ ᠦᠭᠡᠷᠡᠴᠢᠯᠡᠨ ᠰᠠᠶᠢᠵᠢᠷᠠᠭᠤᠯᠵᠣ᠂ ᠨᠡᠶᠢᠲᠠ  ᠶᠢᠨ ᠦᠨᠳᠦᠰᠤᠨ ᠦᠢᠯᠡᠴᠢᠯᠡᠬᠡᠨ ᠢ ᠪᠦᠷᠬᠦᠭᠦᠯᠵᠤ᠂ ᠪᠠᠲᠣᠯᠠᠬᠤ ᠶᠣᠰᠤᠲᠠᠢ ᠨᠠᠶᠢᠳᠡ ᠶᠢᠨ ᠪᠠᠲᠣᠯᠠᠭᠠᠨ ᠢ ᠪᠦᠬᠦᠨ ᠢ  ᠨᠢ ᠪᠠᠲᠤᠯᠠᠪᠠ᠃ ᠮᠠᠯᠵᠢᠬᠤ ᠲᠠᠷᠢᠶᠠᠯᠠᠬᠤ ᠤᠷᠤᠨ ᠤ ᠲᠦᠷᠢ ᠲᠦᠷᠬᠦ ᠶᠢ ᠦᠨᠳᠦᠰᠤᠨ ᠠᠴᠠ ᠨᠢ ᠦᠬᠡᠷᠡᠴᠢᠯᠡᠵᠤ᠂ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ᠂ ᠨᠡᠶᠢᠲᠠ ᠶᠢᠨ ᠦᠨᠳᠦᠰᠦᠨ ᠦᠢᠯᠡᠴᠢᠯᠡᠬᠡᠨ ᠤ ᠬᠢᠷᠢ ᠲᠥᠪᠰᠢᠨ ᠢᠯᠡᠷᠬᠡᠢ ᠲᠡᠭᠡᠭᠰᠢᠯᠡᠪᠠ᠃ᠲᠠᠪᠤ᠂ ᠦᠬᠡᠷᠡᠴᠢᠯᠡᠯᠲᠠ ᠶᠢᠨ ᠠᠬᠢᠴᠠ ᠶᠢ ᠪᠠᠷᠢᠮᠲᠠᠯᠠᠵᠤ᠂ ᠬᠦᠭᠵᠢᠯᠲᠠ ᠶᠢᠨ ᠲᠣᠳᠣᠭᠠᠳᠦ ᠬᠥᠳᠡᠯᠭᠡᠬᠦ ᠬᠦᠴᠦᠨ ᠢ ᠢᠳᠡᠪᠬᠢᠵᠢᠭᠦᠯᠪᠠ︵ᠨᠢᠭᠡ︶ ᠵᠠᠰᠠᠭ ᠤᠨ ᠤᠷᠳᠤᠨ ᠤ ᠲᠣᠳᠣᠭᠠᠳᠣ ᠶᠢᠨ ᠦᠬᠡᠷᠡᠴᠢᠯᠡᠯᠲᠠ ᠶᠢ ᠲᠦᠷᠭᠡᠳᠬᠡᠪᠡ᠃ ︽ᠵᠠᠰᠠᠭ ᠢ ᠴᠤᠮᠬᠠᠳᠬᠠᠨ ᠡᠷᠬᠡ ᠪᠠᠨ ᠲᠠᠯᠪᠢᠬᠤ᠂ ᠡᠷᠬᠡ ᠪᠠᠨ ᠲᠠᠯᠪᠢᠵᠤ ᠬᠠᠮᠢᠶᠠᠷᠤᠯᠳᠠ ᠬᠢᠬᠦ ᠶᠢ ᠤᠶᠠᠯᠳᠤᠭᠤᠯᠵᠤ᠂ ᠦᠢᠯᠡᠴᠢᠯᠡᠭᠡ  ᠶᠢ ᠰᠢᠯᠢᠳᠡᠭᠵᠢᠭᠦᠯᠬᠦ︾ ᠦᠭᠡᠷᠡᠴᠢᠯᠡᠯᠲᠠ ᠶᠢ ᠲᠦᠯᠬᠢᠨ ᠠᠬᠢᠭᠤᠯᠵᠤ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠴᠡᠭᠴᠡᠯᠡᠨ ᠨᠠᠶᠢᠳᠡᠯᠡᠵᠤ᠂ ᠴᠤᠮᠬᠠᠳᠬᠠᠨ ᠰᠢᠯᠢᠳᠡᠭᠵᠢᠬᠦᠯᠦᠭᠰᠠᠨ ᠨᠤᠷᠮ᠎ᠠ ᠨᠢ 59% ᠳᠤ ᠬᠦᠷᠴᠤ᠂ ᠵᠠᠰᠠᠭ ᠤᠨ ᠡᠷᠬᠡ ᠬᠠᠷᠢᠭᠤᠴᠠᠯᠭ᠎ᠠ ᠨᠡᠩ ᠲᠤᠳᠤᠷᠬᠠᠢ ᠪᠤᠯᠪᠠ᠃ ᠬᠤᠲᠠ ᠶᠢᠨ ᠬᠠᠮᠢᠶᠠᠷᠤᠯᠲᠠ᠂ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠢ ᠶᠢᠨ ᠬᠠᠮᠢᠶᠠᠷᠤᠯᠲᠠ᠂ ᠠᠶᠦᠯᠬᠦᠢ ᠦᠢᠯᠡᠳᠪᠤᠷᠢᠯᠡᠯ ᠵᠡᠷᠭᠡ 3 ᠰᠠᠯᠪᠤᠷᠢ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠳᠡ ᠶᠢᠨ ᠡᠩᠨᠡᠭᠡ ᠶᠢ ᠴᠡᠭᠴᠡᠯᠡᠨ ᠨᠢᠭᠡᠳᠬᠡᠵᠤ᠂ ᠤᠯᠠᠨ ᠬᠦᠷᠢᠶ᠎ᠠ ᠴᠠᠷ᠎ᠠ  ᠶᠢᠨ ᠶᠠᠷᠤᠩᠬᠡᠶᠢᠯᠡᠭᠰᠡᠨ ᠬᠠᠤᠯᠢ ᠬᠡᠷᠡᠭᠵᠢᠬᠦᠯᠬᠦ ᠰᠢᠨ᠎ᠠ ᠪᠠᠶᠢᠭᠤᠯᠤᠮᠵᠢ ᠶᠢ ᠪᠠᠶᠢᠭᠤᠯᠪᠠ᠃ ᠵᠠᠰᠠᠭ ᠤᠨ ᠣᠷᠳᠣᠨ ᠤ ᠬᠠᠣᠯᠢ ᠴᠠᠭᠠᠵᠠ ᠶᠢᠨ ᠵᠥᠪᠯᠡᠭᠴᠢ ᠶᠢᠨ ᠬᠡᠯᠪᠡᠷᠢ ᠮᠠᠶ᠋ᠢᠭ ᠢ ᠰᠢᠨ᠎ᠡ ᠪᠠᠷ ᠡᠭᠦᠳᠴᠦ᠂ ᠬᠤᠰᠢᠭᠤᠨ ᠤ ᠵᠠᠰᠠᠭ ᠤᠨ ᠣᠷᠳᠣᠨ ᠤ ᠬᠠᠣᠯᠢ ᠲᠦᠷᠢᠮ ᠤᠨ ᠨᠠᠷᠢᠨ ᠪᠢᠴᠢᠭᠡᠴᠢ ᠶᠢᠨ ᠲᠦᠷᠢᠮ ᠨᠢ ︽ᠳᠣᠮᠳᠠᠳᠥ ᠣᠯᠣᠰ ᠤᠨ ᠬᠠᠣᠯᠢ ᠲᠦᠷᠢᠮᠵᠢᠯ ᠤᠨ ᠵᠠᠰᠠᠭ ᠤᠨ ᠣᠷᠳᠣᠨ ᠤ ᠱᠠᠩᠨᠠᠯ︾ ᠤᠨ ᠨᠡᠷ᠎ᠡ ᠲᠡᠪᠰᠢᠭᠦᠯᠦᠭᠰᠡᠨ ᠱᠠᠩᠨᠠᠯ ᠢ ᠬᠦᠷᠳᠡᠪᠠ᠃ ᠪᠠᠶᠢᠭᠤᠯᠤᠮᠵᠢ ᠶᠢᠨ ᠲᠣᠭᠳᠠᠯᠴᠠᠭ᠎ᠠ ᠶᠢ ᠰᠢᠨᠡᠴᠢᠯᠡᠵᠣ᠂ ᠮᠥᠩᠬᠦᠨ ᠭᠦᠢᠯᠭᠡᠭᠡᠨ ᠤ ᠦᠢᠯᠡᠴᠢᠯᠡᠭᠡ ᠪᠤᠯᠤᠨ ᠡᠯᠡᠰᠤᠨ ᠠᠵᠤ ᠦᠢᠯᠡᠰ ᠤᠨ ᠬᠦᠭᠵᠢᠯᠲᠠ ᠶᠢ ᠠᠬᠢᠭᠤᠯᠬᠤ ᠬᠤᠶᠠᠷ ᠲᠥᠪ ᠢ ᠵᠤᠬᠢᠶᠠᠨ ᠪᠠᠶᠢᠭᠤᠯᠵᠤ᠂ ︽ᠬᠢᠵᠠᠭᠠᠷ ᠢᠶᠠᠨ ᠬᠥᠭᠵᠢᠬᠦᠯᠵᠦ᠂ ᠠᠷᠠᠳ ᠢᠶᠠᠨ ᠴᠢᠨᠡᠭᠡᠯᠢᠭᠵᠢᠬᠦᠯᠬᠦ︾ ᠠᠵᠤ ᠦᠢᠯᠡᠰ᠂ ︽ᠦᠵᠡᠰᠬᠦᠯᠡᠩᠲᠤ ᠠᠯᠠᠱᠠ︾ ᠬᠤᠲᠠ ᠶᠢᠨ ᠬᠦᠭᠵᠢᠯᠲᠠ ᠪᠤᠯᠤᠨ ᠤᠯᠤᠰ ᠤᠨ ᠠᠩᠬᠠᠳᠠᠭᠴᠢ ᠡᠯᠡᠰᠤᠨ ᠠᠵᠤ ᠦᠢᠯᠡᠰ ᠤᠨ ᠬᠦᠭᠵᠢᠯᠲᠠ ᠶᠢᠨ ᠪᠡᠯᠡ ᠤᠷᠤᠭᠤᠯᠤᠯᠳᠠ ᠵᠡᠷᠭᠡ 3 ᠰᠠᠭᠤᠷᠢ ᠮᠥᠩᠬᠦ ᠶᠢ ᠪᠠᠶᠢᠭᠤᠯᠪᠠ᠃ ᠵᠠᠰᠠᠭ ᠵᠠᠬᠢᠷᠭᠠᠨ ᠤ ᠪᠠᠶᠢᠭᠤᠯᠭ᠎ᠠ᠂ ᠠᠯᠪᠠᠳᠠᠨ ᠤ ᠶᠣᠰᠤᠭᠠᠷ ᠬᠡᠷᠡᠭᠵᠢᠭᠦᠯᠬᠦ ᠠᠵᠢᠯ ᠦᠢᠯᠡᠰ ᠤᠨ ᠨᠢᠭᠡᠴᠡ ᠶᠢᠨ ᠠᠯᠪᠠᠨ ᠲᠡᠷᠭᠡᠨ  ᠤ ᠦᠭᠡᠷᠡᠴᠢᠯᠠᠯᠲᠠ ᠶᠢ ᠪᠡᠶᠡᠯᠡᠭᠦᠯᠪᠠ ᠃ ᠦᠯᠵᠡᠢ ᠪᠤᠭᠤᠮᠲᠠ ᠶᠢ ᠨᠡᠭᠡᠭᠡᠭᠳᠡᠭᠦᠯᠬᠦ ᠠᠵᠢᠯ ᠨᠢ ᠣᠯᠣᠰ ᠤᠨ ᠴᠤᠬᠤᠯᠠᠪᠤᠷᠢ ᠶᠢ ᠤᠯᠵᠤ᠂ ᠪᠦᠲᠦᠭᠡᠨ ᠪᠠᠶᠢᠭᠤᠯᠣᠯᠳᠡ  ᠶᠢᠨ ᠶᠡᠷᠥᠩᠬᠡᠢ ᠲᠥᠯᠦᠪᠵᠢᠭᠦᠯᠬᠡ ᠨᠢ ᠥᠪᠡᠷᠳᠡᠭᠡᠨ ᠵᠠᠰᠠᠬᠤ ᠣᠷᠣᠨ  ᠤ ᠵᠥᠪᠰᠢᠶᠡᠷᠡᠯ  ᠢᠶᠠᠷ ᠲᠠᠮᠵᠢᠨ ᠭᠤᠶᠣᠴᠢᠯᠠᠯᠳᠡ ᠶᠢᠨ ᠱᠠᠲᠤᠨ ᠠᠴᠠ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠱᠠᠲᠤᠨ ᠳᠤ ᠣᠷᠣᠵᠤ᠂ ᠤᠮᠠᠷᠠᠰᠢ ᠨᠡᠭᠡᠭᠡᠬᠦ ᠠᠵᠢᠯ ᠰᠢᠪᠲᠤᠯᠤᠯᠲᠠ ᠶᠢᠨ ᠴᠢᠨᠠᠷᠲᠠᠢ ᠠᠬᠢᠴᠠ ᠶᠢ ᠤᠯᠪᠠ᠃︵ᠬᠤᠶᠠᠷ︶ ᠨᠡᠶᠢᠬᠡᠮ ᠤᠨ ᠬᠦᠷᠢᠶ᠎ᠡ ᠴᠠᠷ᠎ᠠ ᠶᠢᠨ ᠦᠭᠡᠷᠡᠴᠢᠯᠡᠯᠲᠠ ᠶᠢ ᠲᠦᠯᠬᠢᠨ ᠠᠬᠢᠭᠤᠯᠪᠠ᠃ ︽ᠡᠵᠡᠩᠨᠡᠯᠲᠠ  ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠤᠯᠭᠠᠬᠤ︾᠂ ︽ᠲᠠᠪᠤᠨ ᠦᠨᠡᠮᠯᠡᠯ ᠢ ᠨᠢᠭᠡ ᠪᠣᠯᠭᠠᠬᠤ︾᠂ ︽ᠬᠤᠶᠠᠷ ᠦᠨᠡᠮᠯᠡᠯ ᠢ ᠨᠢᠬᠡ ᠪᠤᠯᠭᠠᠬᠤ︾ ᠥᠭᠡᠷᠡᠴᠢᠯᠡᠯᠳᠡ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠠᠷᠠᠯᠵᠢᠶᠠᠨ ᠤ ᠶᠠᠪᠤᠳᠠᠯ ᠤᠨ ᠳᠠᠩᠰᠠᠯᠠᠬᠤ᠂ ᠬᠢᠨᠠᠨ ᠵᠥᠪᠰᠢᠶᠡᠷᠡᠬᠦ ᠠᠵᠢᠯ ᠣᠯᠠᠮ ᠲᠦᠭᠦᠮ ᠲᠦᠳᠡ ᠪᠤᠯᠪᠠ᠃ ᠨᠤᠲᠤᠭ ᠪᠡᠯᠴᠢᠬᠡᠷ ᠤᠨ ᠲᠠᠭᠠᠭᠠᠴᠢᠯᠠᠯᠲᠠ ᠶᠢᠨ ᠡᠷᠬᠡ ᠶᠢ ᠲᠣᠭᠳᠠᠭᠠᠵᠤ᠂ ᠬᠦᠳᠡᠭᠡ ᠲᠣᠰᠬᠤᠨ ᠤ ᠭᠠᠵᠠᠷ ᠰᠢᠷᠤᠢ  ᠶᠢᠨ ᠲᠠᠭᠠᠭᠠᠴᠢᠯᠠᠯᠲᠠ ᠶᠢᠨ ᠡᠷᠬᠡ ᠶᠢ ᠲᠣᠭᠳᠠᠭᠠᠵᠤ ᠳᠠᠩᠰᠠᠯᠠᠨ ᠦᠨᠡᠮᠯᠡᠯ ᠲᠠᠷᠬᠠᠭᠠᠬᠤ ᠠᠵᠢᠯ ᠢ ᠡᠬᠢᠯᠡᠬᠦᠯᠵᠤ᠂ ᠪᠦᠬᠦ ᠠᠶᠢᠮᠠᠭ ᠤᠨ ᠠᠩᠬᠠᠳᠠᠭᠴᠢ ᠤᠰᠤᠨ ᠤ ᠡᠷᠬᠡ ᠶᠢᠨ ᠠᠷᠠᠯᠵᠢᠶᠠᠨ ᠤ ᠲᠠᠪᠴᠠᠩ ᠢ ᠪᠠᠶᠢᠭᠤᠯᠵᠤ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠳᠡ ᠶᠢᠨ ᠢᠨᠵᠧᠨᠧᠷᠢᠩ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠦᠬᠡᠷᠡᠴᠢᠯᠠᠯᠲᠠ ᠨᠢ ᠦᠪᠡᠷᠳᠡᠭᠡᠨ ᠵᠠᠰᠠᠬᠤ ᠣᠷᠣᠨ ᠤ ᠰᠢᠯᠭᠠᠨ ᠬᠤᠷᠢᠶᠠᠯᠳᠡ ᠶᠢ ᠥᠩᠭᠡᠷᠡᠭᠡᠵᠤ᠂ ᠦᠪᠡᠷᠳᠡᠭᠡᠨ ᠵᠠᠰᠠᠬᠤ ᠣᠷᠣᠨ ᠤ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶᠠᠨ ᠤ ᠶᠡᠷᠦᠩᠬᠡᠶᠢᠯᠡᠭᠰᠠᠨ ᠦᠭᠡᠷᠡᠴᠢᠯᠡᠯᠳᠡ ᠶᠢᠨ ᠵᠢᠱᠢᠶ᠎ᠠ ᠦᠵᠡᠬᠦᠯᠬᠦ ᠬᠤᠰᠢᠭᠤᠨ ᠤ ᠪᠠᠶᠢᠭᠤᠯᠤᠯᠲᠠ ᠶᠢ ᠲᠤᠭᠲᠠᠭᠤᠨ ᠢᠶᠠᠷ ᠲᠦᠯᠬᠢᠨ ᠠᠬᠢᠭᠤᠯᠪᠠ᠃ ᠦᠭᠡᠷᠡᠴᠢᠯᠡᠯᠲᠠ ᠶᠢᠨ ᠦᠷ᠎ᠠ ᠪᠦᠲᠦᠮᠵᠢ ᠶᠢ ᠬᠠᠮᠲᠤᠪᠠᠷ ᠡᠳ᠋ᠯᠡᠬᠦ ᠶᠢ ᠬᠦᠨᠵᠡᠬᠡᠶᠢᠷᠡᠬᠦᠯᠵᠤ᠂ ᠪᠦᠬᠦ ᠬᠦᠷᠢᠶ᠎ᠡ ᠴᠠᠷ᠎ᠠ  ᠶᠢᠨ ᠵᠢᠭᠤᠯᠴᠢᠯᠠᠯ᠂ ᠠᠮᠢ ᠠᠬᠤᠢ ᠶᠢᠨ ᠬᠠᠮᠠᠭᠠᠯᠠᠯᠲᠠ ᠪᠦᠲᠦᠬᠡᠨ ᠪᠠᠶᠢᠭᠤᠯᠤᠯᠲᠠ᠂ ᠶᠠᠳᠠᠭᠤ ᠶᠢ ᠲᠡᠳᠬᠦᠵᠤ ᠨᠡᠭᠡᠭᠡᠯᠳᠡ ᠬᠢᠬᠦ ᠵᠡᠷᠬᠡ ᠲᠠᠯ᠎ᠠ ᠪᠠᠷ ᠮᠠᠯᠴᠢᠨ ᠲᠠᠷᠢᠶᠠᠴᠢᠨ ᠤ ᠠᠰᠢᠭ ᠲᠤᠰᠠ ᠶᠢᠨ ᠬᠤᠯᠪᠣᠯᠴᠠᠭᠠᠨ ᠤ ᠲᠣᠭᠳᠠᠯᠴᠠᠭ᠎ᠠ  ᠶᠢ ᠠᠩᠬ᠎ᠠ ᠠᠯᠬᠤᠮ ᠪᠠᠶᠢᠭᠤᠯᠪᠠ᠃︵ᠭᠤᠷᠪᠠ︶ ᠰᠢᠨ᠎ᠠ ᠶᠢ ᠡᠬᠦᠳᠬᠦ  ᠪᠠᠷ ᠬᠥᠳᠡᠯᠭᠡᠭᠦᠷ ᠪᠣᠯᠭᠠᠬᠤ ᠬᠦᠭᠵᠢᠯᠲᠠ ᠶᠢ ᠬᠡᠷᠡᠭᠵᠢᠬᠦᠯᠪᠠ᠃ ︽ᠠᠵᠤ ᠦᠢᠯᠡᠰ᠂ ᠰᠣᠷᠭᠠᠭᠤᠯᠢ᠂ ᠰᠣᠳᠣᠯᠭᠠᠨ ᠤ ᠪᠠᠶᠢᠭᠤᠯᠭ᠎ᠠ︾ ᠶᠢᠨ ᠬᠠᠮᠵᠢᠯᠴᠠᠭ᠎ᠠ ᠶᠢ ᠬᠦᠨᠵᠡᠬᠡᠶᠢᠷᠡᠬᠦᠯᠵᠣ᠂ 20 ᠲᠦᠷᠦᠯ ᠤᠨ ᠡᠯᠡᠰᠤᠨ ᠠᠵᠣ ᠦᠢᠯᠡᠰ ᠤᠨ ᠪᠦᠲᠦᠬᠡᠭᠳᠡᠬᠦᠨ᠂ 37 ᠲᠦᠷᠦᠯ ᠤᠨ ᠲᠤᠷᠰᠢᠯᠲᠠ ᠶᠢᠨ ᠬᠤᠭᠤᠴᠠᠭᠠᠨ  ᠤ ᠪᠦᠲᠦᠬᠡᠭᠳᠡᠬᠦᠨ ᠢ ᠰᠤᠳᠤᠯᠤᠨ ᠪᠦᠲᠦᠬᠡᠵᠤ᠂ ᠡᠬᠦᠨ ᠳᠤ ᠲᠡᠮᠡᠬᠡᠨ ᠴᠢᠰᠤᠨ ᠠᠴᠠ ᠤᠯᠠᠨᠴᠢ ᠫᠧᠪᠲ᠋ᠢᠳ᠋ ᠢᠯᠭᠠᠷᠠᠭᠤᠯᠬᠤ ᠮᠡᠷᠭᠡᠵᠢᠯ ᠨᠢ ᠳᠡᠯᠡᠬᠡᠢ ᠶᠢᠨ ᠬᠤᠭᠤᠰᠣᠨ ᠲᠡᠮᠳᠡᠭᠯᠡᠯ ᠢ ᠡᠭᠦᠳᠪᠠ᠃ 4 ᠲᠦᠷᠦᠯ ᠰᠢᠨᠵᠢᠯᠡᠭᠡ ᠮᠡᠷᠬᠡᠵᠢᠯ ᠤᠨ ᠬᠡᠯᠲᠡᠰ ᠤᠨ ᠭᠤᠤᠯᠳᠠᠯᠭ᠎ᠠ ᠲᠠᠢ ᠰᠤᠳᠤᠯᠤᠨ ᠬᠦᠭᠵᠢᠬᠦᠯᠬᠦ ᠲᠦᠯᠦᠪᠯᠡᠭᠡ ᠪᠤᠯᠤᠨ ᠥᠪᠡᠷᠳᠡᠭᠡᠨ ᠵᠠᠰᠠᠬᠤ ᠣᠷᠣᠨ ᠤ ᠰᠢᠨᠵᠢᠯᠡᠭᠡ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ ᠵᠦᠢᠯ᠂ 4100 ᠲᠦᠮᠡᠨ ᠲᠦᠬᠦᠷᠢᠭ ᠤᠨ ᠪᠡᠯᠡ ᠮᠥᠩᠬᠦ ᠶᠢ ᠴᠢᠷᠮᠠᠶᠢᠨ ᠤᠯᠤᠭᠰᠠᠨ ᠪᠠᠶᠢᠨ᠎ᠠ᠃ ᠡᠯᠡᠰᠤᠨ ᠠᠵᠣ ᠦᠢᠯᠡᠰ ᠤᠨ ᠴᠢᠳᠠᠪᠣᠷᠢᠳᠠᠨ  ᠤ ᠬᠦᠭᠵᠢᠭᠦᠯᠦᠯᠳᠡ ᠶᠢᠨ ᠲᠦᠷᠥᠯ ᠵᠦᠢᠯ ᠢ ᠬᠡᠷᠡᠭᠵᠢᠭᠦᠯᠵᠤ᠂ ᠡᠯᠡᠰᠤᠨ ᠠᠵᠣ ᠦᠢᠯᠡᠰ ᠤᠨ ᠴᠢᠳᠠᠪᠣᠷᠢᠳᠠᠨ ᠤ ᠬᠦᠮᠦᠵᠢᠯ ᠢ ᠴᠢᠩᠭᠠᠳᠬᠠᠪᠠ᠃ ᠬᠦᠪᠦᠩ ‍ᠤᠨ‌ᠦᠨᠳᠦᠷ ᠤᠨᠠᠯᠲᠠ ᠶᠢ ᠡᠬᠦᠳᠴᠤ᠂ ᠤᠰᠤ ᠪᠤᠷᠳᠤᠭᠤᠷ ᠢ ᠨᠢᠭᠡᠳᠬᠡᠬᠦ ᠵᠡᠷᠭᠡ 22 ᠲᠦᠷᠦᠯ ᠤᠨ ᠲᠠᠷᠢᠶᠠᠯᠠᠩ ᠮᠠᠯ ᠠᠵᠣ ᠠᠬᠤᠢ ᠶᠢᠨ ᠬᠡᠷᠡᠭᠯᠡᠬᠡᠨ ᠤ ᠮᠡᠷᠭᠡᠵᠢᠯ ᠢ ᠲᠦᠬᠡᠮᠡᠯᠵᠢᠬᠦᠯᠵᠤ᠂ ᠮᠠᠯᠴᠢᠨ ᠲᠠᠷᠢᠶᠠᠴᠢᠨ ᠢ 1.7 ᠲᠦᠮᠡᠨ ᠬᠦᠮᠦᠨ ᠤᠳᠠᠭ᠎ᠠ ᠲᠠᠪᠲᠠᠨ ᠪᠤᠯᠪᠠᠰᠤᠷᠠᠭᠤᠯᠵᠤ᠂ ᠰᠢᠨᠵᠢᠯᠡᠭᠡ ᠮᠡᠷᠬᠡᠵᠢᠯ ᠤᠨ ᠲᠤᠯᠭᠠᠭᠤᠷᠢᠯᠠᠬᠤ ᠦᠢᠯᠡᠳᠦᠯ ᠤᠯᠠᠮ ᠨᠢᠭᠡ ᠠᠯᠬᠤᠮ ᠴᠢᠩᠭᠠᠷᠠᠪᠠ᠃ ᠵᠢᠷᠭᠤᠭ᠎ᠠ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠶᠢ ᠪᠠᠷᠢᠮᠲᠠᠯᠠᠵᠤ᠂ ᠬᠥᠭᠵᠢᠯᠳᠡ ᠶᠢᠨ ᠦᠷ᠎ᠡ ᠪᠥᠳᠦᠮᠵᠢ ᠶᠢ ᠬᠠᠮᠳᠤᠪᠡᠷ ᠡᠳ᠋ᠯᠡᠪᠡ︵ᠨᠢᠭᠡ︶ ᠠᠲᠠᠯ ᠦᠢᠯᠡᠰ ᠪᠤᠰᠬᠠᠬᠤ᠂ ᠠᠵᠢᠯ ᠤᠯᠭᠤᠬᠤ ᠶᠢ ᠶᠡᠬᠡᠪᠡᠷ ᠲᠡᠮᠵᠢᠪᠠ᠃ ᠨᠡᠶᠢᠲᠠ 5 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠬᠤᠯᠠᠳᠠᠬᠢᠨ ᠢ ᠲᠤᠭᠲᠠᠭᠠᠭᠴᠢ ᠬᠤᠷᠢᠶ᠎ᠠ᠂ ᠦᠨᠳᠦᠰᠤᠲᠠᠨ ᠤ ᠵᠠᠩ ᠦᠢᠯᠡ ᠶᠢᠨ ᠵᠡᠬᠡᠯᠢ ᠪᠤᠯᠤᠨ ᠬᠠᠴᠢᠨ ᠴᠢᠯᠠᠭᠤᠨ ᠤ ᠰᠤᠶᠤᠯ ᠤᠨ ᠦᠢᠯᠡᠰ ᠤᠨ ᠬᠦᠷᠢᠶᠡᠯᠡᠩ ᠵᠡᠷᠬᠡ 3 ᠠᠵᠢᠯ ᠤᠯᠭᠤᠵᠤ ᠠᠲᠠᠯ ᠦᠢᠯᠡᠰ ᠪᠤᠰᠬᠠᠬᠤ ᠰᠠᠭᠤᠷᠢᠨ ᠭᠠᠵᠠᠷ ᠢ ᠪᠠᠶᠢᠭᠤᠯᠵᠣ᠂ ᠭᠡᠷ ᠤᠨ ᠲᠥᠷᠢᠶᠡᠰᠣ ᠶᠢ ᠬᠡᠯᠳᠦᠷᠢᠭᠦᠯᠤᠨ ᠂ ᠣᠰᠣ ᠴᠠᠬᠢᠯᠭᠠᠨ ᠤ ᠰᠦᠢᠳᠭᠡᠯ ᠢ ᠨᠥᠭᠦᠪᠦᠷᠢᠯᠡᠵᠤ᠂ 1805 ᠶᠡᠭᠡ ᠰᠣᠷᠭᠠᠭᠤᠯᠢ ᠶᠢᠨ ᠤᠶᠤᠲᠠᠨ᠂ ᠬᠤᠲᠠ ᠪᠠᠯᠭᠠᠰᠤᠨ ᠤ ᠠᠵᠢᠯ ᠠᠯᠳᠠᠭᠰᠠᠳ᠂ ᠬᠤᠳᠠ ᠤᠷᠤᠵᠤ ᠠᠲᠠᠯ ᠦᠢᠯᠡᠰ ᠪᠤᠰᠬᠠᠵᠤ ᠪᠠᠶᠢᠭ᠎ᠠ ᠮᠠᠯᠴᠢᠨ ᠲᠠᠷᠢᠶᠠᠴᠢᠨ ᠢ ᠲᠡᠮᠵᠢᠪᠠ᠃ ᠬᠤᠲᠠ ᠪᠠᠯᠭᠠᠰᠤᠨ ᠤ 1501ᠰᠠᠭᠤᠭᠠᠯᠢ ᠠᠷᠠᠳ ᠲᠤ ᠰᠢᠨ᠎ᠠ ᠪᠠᠷ ᠠᠵᠢᠯ ᠤᠯᠭᠤᠵᠤ᠂ ᠳᠠᠩᠰᠠᠯᠠᠭᠰᠠᠨ ᠠᠵᠢᠯ ᠠᠯᠳᠠᠭᠰᠠᠨ ᠨᠣᠷᠮ᠎ᠠ  ᠶᠢ 2.8% ᠶᠢᠨ ᠲᠣᠲᠣᠷ᠎ᠠ ᠬᠢᠵᠠᠭᠠᠷᠯᠠᠪᠠ︔ ᠮᠠᠯᠵᠢᠬᠤ ᠲᠠᠷᠢᠶᠠᠯᠠᠬᠤ ᠤᠷᠤᠨ ᠤ ᠨᠡᠭᠦᠯᠭᠡᠨ ᠰᠢᠯᠵᠢᠭᠦᠯᠬᠦ ᠠᠵᠢᠯ ᠣᠯᠣᠭᠰᠠᠳ ᠤᠨ ᠲᠤᠭ᠎ᠠ 1860 ᠬᠦᠮᠦᠨ ᠤᠳᠠᠭ᠎ᠠ ᠳᠤ ᠬᠦᠷᠴᠠᠢ᠃ ︵ᠬᠤᠶᠠᠷ︶ ᠨᠡᠶᠢᠬᠡᠮ ᠤᠨ ᠪᠠᠲᠤᠯᠠᠭᠠᠨ ᠤ ᠰᠢᠰᠲ᠋ᠧᠮ ᠢ ᠲᠡᠬᠦᠯᠳᠡᠷᠵᠢᠬᠦᠯᠪᠠ᠃ ᠬᠤᠲᠠ ᠬᠦᠳᠡᠭᠡᠨ ᠤ ᠰᠠᠭᠤᠭᠠᠯᠢ ᠠᠷᠠᠳ ᠤᠨ ᠡᠮᠴᠢᠯᠡᠭᠡᠨ ᠤ ᠲᠠᠭᠠᠳᠬᠠᠯ ᠢ ᠵᠡᠷᠭᠡᠪᠡᠷ ᠬᠡᠷᠡᠭᠵᠢᠬᠦᠯᠵᠤ᠂ ᠡᠳ᠋ ᠤᠨ ᠵᠠᠰᠠᠭ ᠠᠴᠠ 3500 ᠲᠦᠮᠡᠨ ᠲᠥᠬᠦᠷᠢᠭ  ᠢ ᠨᠦᠬᠦᠪᠤᠷᠢᠯᠡᠪᠠ᠃ ︽ᠡᠮᠴᠢᠯᠡᠭᠡ ᠠᠰᠠᠷᠠᠮᠵᠢ ᠤᠶᠠᠯᠳᠤᠭᠤᠯᠬᠤ︾ ᠰᠢᠨ᠎ᠠ ᠬᠡᠯᠪᠡᠷᠢ ᠶᠢᠨ ᠦᠢᠯᠡᠴᠢᠯᠡᠭᠡ ᠶᠢ ᠬᠠᠶᠢᠨ ᠰᠦᠪᠡᠭᠴᠢᠯᠡᠵᠤ᠂ ︽ᠨᠢᠬᠡ ᠲᠠᠪᠴᠠᠩ ᠲᠦᠷᠪᠡᠨ ᠦᠢᠯᠡᠴᠢᠯᠡᠬᠡᠨ ᠤ ᠲᠥᠪ︾ ᠤᠨ ᠠᠷᠠᠳ ᠲᠤ ᠲᠦᠬᠦᠮ ᠦᠵᠡᠬᠦᠯᠵᠤ ᠨᠠᠰᠤᠲᠠᠶᠢᠴᠤᠳ ᠢ ᠠᠰᠠᠷᠠᠬᠤ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠪᠠ᠃ ᠭᠠᠮᠰᠢᠭ ᠠᠴᠠ ᠠᠪᠤᠷᠠᠵᠤ ᠠᠪᠤᠷᠠᠨ ᠲᠤᠰᠠᠯᠠᠬᠤ ᠪᠠ ᠠᠪᠣᠷᠠᠨ ᠲᠡᠳᠬᠦᠬᠦ ᠪᠡᠯᠡ ᠮᠥᠩᠭᠦ ᠶᠢ 2162 ᠲᠦᠮᠡᠨ ᠲᠦᠬᠦᠷᠢᠭ ᠲᠠᠷᠬᠠᠭᠠᠪᠠ᠃ ᠨᠤᠲᠤᠭ ᠪᠡᠯᠴᠢᠬᠡᠷ ᠤᠨ ᠨᠦᠬᠦᠪᠤᠷᠢ ᠱᠠᠩᠨᠠᠯ ᠤᠨ ᠮᠥᠩᠬᠦ᠂ ᠨᠠᠶᠢᠳᠡ ᠶᠢᠨ ᠠᠰᠢᠭᠲᠣ ᠤᠢ ᠰᠢᠭᠤᠢ ᠶᠢᠨ ᠠᠮᠢ ᠠᠬᠤᠢ ᠶᠢᠨ ᠨᠦᠬᠦᠪᠤᠷᠢ᠂ ᠬᠦᠨᠡᠰᠤᠨ ᠤ ᠰᠢᠭᠤᠳ ᠨᠥᠬᠦᠪᠤᠷᠢ ᠵᠡᠷᠬᠡ ᠡᠯ᠎ᠠ ᠲᠦᠷᠦᠯ ᠤᠨ ᠪᠡᠯᠡ ᠮᠥᠩᠬᠦ ᠶᠢ ᠨᠡᠶᠢᠲᠠ 3.3 ᠳ᠋ᠦᠩᠰᠢᠭᠤᠷ ᠲᠠᠷᠬᠠᠭᠠᠵᠤ᠂ ᠬᠤᠲᠠ ᠬᠥᠳᠡᠭᠡᠨ ᠤ ᠲᠤᠤᠷ᠎ᠠ ᠪᠠᠲᠤᠯᠠᠭ᠎ᠠ ᠲᠠᠢ᠂ ᠲᠤᠤᠷ᠎ᠠ ᠤᠷᠤᠯᠭ᠎ᠠ ᠲᠠᠢ ᠮᠠᠯᠴᠢᠨ ᠲᠠᠷᠢᠶᠠᠴᠢᠨ ᠳᠤ ᠡᠪᠤᠯ ᠤᠨ ᠲᠦᠯᠡᠰᠢᠨ ᠨᠡᠭᠦᠷᠡᠰᠣ ᠬᠠᠩᠭᠠᠬᠤ ᠵᠡᠷᠬᠡ ᠡᠯ᠎ᠠ ᠲᠦᠷᠦᠯ ᠤᠨ ᠨᠦᠬᠦᠪᠤᠷᠢ ᠶᠢ ᠴᠠᠭ ᠲᠤᠬᠠᠢ ᠳᠤᠨᠢ ᠲᠤᠭ᠎ᠠ ᠶᠤᠰᠤᠭᠠᠷ ᠲᠠᠷᠬᠠᠭᠠᠪᠠ᠃︵ᠭᠤᠷᠪᠠ︶ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠢᠶᠠᠷ ᠠᠷᠠᠳ ᠢ ᠬᠠᠷᠠᠭᠠᠯᠵᠠᠬᠤ ᠶᠢ ᠲᠦᠯᠬᠢᠨ ᠠᠬᠢᠭᠤᠯᠪᠠ᠃ 4 ᠳ᠋ᠦᠩᠰᠢᠭᠤᠷ ᠲᠥᠬᠦᠷᠢᠭ ᠪᠡᠯᠡ ᠤᠷᠤᠭᠤᠯᠵᠤ᠂ ᠰᠤᠷᠭᠠᠭᠤᠯᠢ ᠶᠢᠨ ᠬᠦᠷᠢᠶᠠᠨ ᠤ ᠲᠤᠨᠤᠭ ᠲᠦᠬᠦᠬᠡᠷᠦᠮᠵᠢ ᠵᠢᠴᠢ ᠮᠡᠳᠡᠭᠡ ᠵᠠᠩᠭᠢᠴᠢᠯᠠᠬᠤ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠤᠭᠤᠲᠤ ᠬᠡᠤᠬᠡᠳ ᠤᠨ ᠴᠡᠴᠡᠷᠯᠢᠭ ᠢ ᠬᠤᠳᠠᠯᠳᠤᠨ ᠠᠪᠴᠤ᠂ 2 ᠪᠠᠭᠰᠢ ᠰᠤᠷᠤᠭᠴᠢ ᠶᠢᠨ ᠪᠠᠶᠢᠷᠢ᠂ 5 ᠪᠡᠶ᠎ᠡ ᠲᠠᠮᠢᠷ ᠤᠨ ᠬᠦᠳᠡᠯᠬᠡᠬᠡᠨ ᠤ ᠦᠷᠦᠭᠡ ᠶᠢ ᠪᠠᠶᠢᠭᠤᠯᠵᠤ᠂ ᠰᠤᠷᠭᠠᠨ ᠬᠦᠮᠦᠵᠢᠯ ᠳᠤ ᠬᠡᠷᠡᠭᠯᠡᠬᠦ ᠭᠠᠵᠠᠷ ᠢ 7 ᠲᠦᠮᠡᠨ ᠲᠡᠭᠰᠢ ᠲᠥᠷᠪᠡᠯᠵᠢᠨ ᠮᠧᠲᠷ ᠨᠡᠮᠡᠭᠳᠡᠬᠦᠯᠦᠭᠰᠠᠨ ᠪᠠᠶᠢᠨ᠎ᠠ᠃ ᠦᠨᠳᠦᠰᠦᠲᠠᠨ ᠤ ᠰᠤᠷᠭᠠᠨ ᠬᠦᠮᠦᠵᠢᠯ ᠢ ᠭᠤᠣᠯᠳᠠᠯᠭ᠎ᠠ ᠲᠠᠢ ᠪᠠᠷ ᠤᠷᠢᠳᠴᠢᠯᠠᠨ ᠬᠦᠭᠵᠢᠬᠦᠯᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠦᠮᠦᠵᠢᠯ᠂ ᠤᠨᠴᠠᠭᠠᠢ ᠰᠤᠷᠭᠠᠨ ᠬᠦᠮᠦᠵᠢᠯ᠂ ᠠᠷᠠᠳ  ᠠᠴᠠ ᠡᠷᠬᠢᠯᠡᠭᠰᠡᠨ ᠰᠤᠷᠭᠠᠨ ᠬᠦᠮᠦᠵᠢᠯ  ᠢ ᠲᠦᠷᠢᠮᠵᠢᠬᠦᠯᠦᠨ ᠬᠠᠮᠢᠶ᠋ᠷᠬᠤ ᠶᠢ ᠰᠠᠶᠢᠲᠤᠷ ᠠᠳᠬᠤᠪᠠ᠃ ᠠᠯᠪᠠᠨ ᠵᠢᠷᠤᠮ ᠤᠨ ᠰᠤᠷᠭᠠᠨ ᠬᠦᠮᠦᠵᠢᠯ  ᠢ ᠲᠠᠩᠴᠡᠭᠦᠷᠢᠰᠢᠭᠦᠯᠦᠨ ᠬᠥᠭᠵᠢᠭᠦᠯᠬᠦ ᠨᠢ ᠤᠯᠤᠰ ᠤᠨ ᠦᠨᠡᠯᠡᠨ ᠰᠢᠯᠭᠠᠯᠲᠠ ᠶᠢ ᠥᠡᠭᠭᠡᠷᠡᠭᠡᠭᠰᠡᠨ ᠪᠠᠶᠢᠨ᠎ᠠ᠃ ᠮᠤᠩᠭᠤᠯ ᠬᠢᠲᠠᠳ ᠡᠮᠨᠡᠯᠬᠡ ᠶᠢᠨ ᠬᠤᠷᠢᠶᠠᠨ ᠤ ᠶᠠᠷᠤᠩᠬᠡᠶᠢᠯᠡᠭᠰᠡᠨ ᠠᠰᠠᠷ ᠦᠨᠳᠦᠰᠤᠨ  ᠳᠡᠭᠡᠨ ᠠᠵᠢᠯ ᠲᠠᠭᠤᠰᠪᠠ᠃ ᠮᠤᠩᠭᠤᠯ ᠡᠮᠨᠡᠯᠬᠡ ᠶᠢᠨ ᠲᠠᠪᠤᠨ ᠵᠠᠰᠠᠯ᠂ ᠬᠢᠲᠠᠳ ᠡᠮᠨᠡᠯᠬᠡ ᠶᠢᠨ ᠡᠪᠡᠳᠬᠦ ᠶᠢ ᠨᠠᠮᠲᠠᠭᠠᠬᠤ ᠵᠡᠷᠬᠡ ᠦᠪᠦᠷ ᠮᠤᠩᠭᠤᠯ ᠤᠨ ᠲᠡᠰ ᠤᠨ ᠤᠨᠴᠠᠯᠢᠭᠲᠤ ᠰᠠᠯᠠᠭ᠎ᠠ ᠶᠢ ᠰᠢᠨ᠎ᠡ ᠪᠠᠷ ᠪᠠᠶᠢᠭᠤᠯᠤᠭᠰᠠᠨ ᠪᠠᠶᠢᠨ᠎ᠠ᠃ ᠤᠯᠤᠰ ᠤᠨ ᠲᠦᠯᠦᠪᠯᠡᠭᠡᠲᠤ ᠬᠦᠩᠬᠡᠵᠢᠯ ᠤᠨ ᠰᠢᠯᠢᠳᠡᠭᠵᠢᠬᠦᠯᠦᠭᠰᠠᠨ ᠦᠢᠯᠡᠴᠢᠯᠡᠬᠡᠨ ᠤ ᠬᠤᠰᠢᠭᠤ ᠰᠢᠶᠠᠨ ᠤ ᠰᠢᠯᠭᠠᠨ ᠬᠤᠷᠢᠶᠠᠯᠳᠡ ᠶᠢ ᠥᠩᠭᠡᠷᠡᠭᠡᠵᠤ᠂ ︽ᠬᠤᠶᠠᠳᠣᠭᠠᠷ ᠬᠡᠤᠬᠡᠳ ᠠᠪᠬᠤ︾ ᠲᠦᠷᠤ ᠶᠢᠨ ᠪᠤᠳᠤᠯᠭ᠎ᠠ  ᠶᠢ ᠪᠦᠬᠦ ᠲᠠᠯ᠎ᠠ ᠪᠠᠷ ᠲᠤᠤᠱᠯᠠᠭᠤᠯᠪᠠ᠃︵ᠲᠥᠷᠪᠡ︶ ᠠᠮᠤᠷ ᠲᠥᠪᠰᠢᠨ ᠢᠶᠠᠷ ᠬᠦᠭᠵᠢᠬᠦ ᠰᠠᠭᠤᠷᠢ ᠶᠢ ᠪᠠᠬᠢᠵᠢᠬᠦᠯᠪᠠ᠃ ᠨᠡᠶᠢᠬᠡᠮ ᠤᠨ ᠵᠦᠷᠢᠴᠡᠯ ᠢ ᠪᠦᠬᠦ ᠲᠠᠯ᠎ᠠ ᠪᠠᠷ ᠡᠶᠡᠳᠡᠬᠦᠯᠵᠤ᠂ ᠬᠠᠤᠯᠢ ᠪᠤᠰᠤ ᠰᠤᠷᠪᠤᠯᠵᠢᠯᠠᠬᠤ ᠠᠵᠢᠯᠯᠠᠭ᠎ᠠ ᠳᠤ ᠬᠦᠴᠦᠲᠠᠢ ᠴᠤᠬᠢᠯᠲᠠ ᠦᠭᠴᠦ᠂ ᠵᠠᠬᠢᠳᠠᠯ ᠰᠣᠷᠪᠣᠯᠵᠢᠯᠠᠭ᠎ᠠ ᠶᠢᠨ ᠡᠮᠬᠢ ᠵᠢᠷᠦᠮ ᠢᠯᠡᠷᠬᠡᠢ ᠰᠠᠶᠢᠵᠢᠷᠠᠪᠠ᠃ ︽ᠠᠮᠤᠭᠤᠯᠠᠩᠲᠣ ᠠᠯᠠᠱᠠ ᠵᠡᠬᠦᠨ ᠬᠤᠰᠢᠭᠤ ︾ ᠶᠢᠨ ᠪᠦᠲᠦᠬᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠣ᠂ ᠨᠡᠶᠢᠬᠡᠮ ᠤᠨ ᠠᠮᠤᠷ ᠢ ᠬᠠᠮᠠᠭᠠᠯᠠᠬᠤ ᠡᠮᠬᠢ ᠵᠢᠷᠤᠮ  ᠢ ᠦᠷᠬᠦᠯᠵᠢᠯᠠᠨ ᠲᠣᠭᠳᠠᠪᠤᠷᠢᠵᠢᠭᠤᠯᠬᠤ ᠶᠢ ᠪᠠᠲᠤᠯᠠᠪᠠ᠃ ᠭᠡᠮ ᠠᠷᠬᠠᠭ ᠢ ᠴᠢᠩᠭ᠎ᠠ ᠪᠠᠷ ᠪᠠᠶᠢᠴᠠᠭᠠᠵᠤ ᠴᠢᠩᠭ᠎ᠠ ᠪᠠᠷ ᠴᠡᠭᠴᠡᠯᠡᠨ ᠵᠠᠰᠠᠬᠤ ᠶᠢ ᠦᠷᠬᠦᠯᠵᠢᠯᠡᠨ ᠶᠠᠪᠤᠭᠳᠠᠭᠤᠯᠵᠤ᠂ ᠠᠶᠦᠯᠬᠦᠢ ᠦᠢᠯᠡᠳᠪᠤᠷᠢᠯᠡᠯ ᠤᠨ ᠪᠠᠶᠢᠳᠠᠯ ᠤᠨ ᠲᠤᠭᠲᠠᠭᠤᠨ ᠢ ᠪᠠᠲᠤᠯᠠᠪᠠ᠃ ᠢᠳᠡᠬᠡᠨ᠂ ᠡᠮ ᠤᠨ ᠵᠦᠢᠯᠡᠰ ᠤᠨ ᠠᠮᠤᠷ ᠲᠥᠪᠰᠢᠨ ᠤ ᠬᠢᠨᠠᠨ ᠬᠠᠮᠢᠶᠠᠷᠤᠯᠲᠠ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠪᠠ᠃ᠲᠦᠯᠦᠬᠡᠯᠡᠭᠴᠢᠳ ᠡ᠂ ᠨᠥᠬᠦᠳ ᠡ᠂ ᠥᠩᠬᠡᠷᠡᠭᠰᠡᠨ ᠨᠢᠬᠡ ᠵᠢᠯ ᠳᠤ ᠪᠦᠬᠦ ᠬᠤᠰᠢᠭᠤ ᠪᠠᠷ ᠢᠶᠠᠨ ᠬᠦᠴᠦ ᠵᠣᠷᠢᠭ  ᠢᠶᠠᠨ ᠬᠠᠮᠲᠣᠳᠬᠠᠨ᠂ ᠬᠦᠴᠢᠷ ᠢ ᠲᠠᠪᠠᠨ ᠪᠡᠷᠬᠡ ᠶᠢ ᠲᠤᠭᠤᠯᠵᠤ᠂ ᠠᠵᠤ ᠠᠬᠤᠢ ᠲᠤᠭᠲᠠᠭᠤᠨ ᠢᠶᠠᠷ ᠨᠡᠯᠢᠶᠡᠳ ᠲᠦᠷᠬᠡᠨ ᠬᠥᠭᠵᠢᠬᠦ ᠶᠢ ᠪᠠᠲᠣᠯᠠᠵᠣ᠂ ᠨᠡᠶᠢᠬᠡᠮ ᠤᠨ ᠠᠵᠢᠯ ᠦᠢᠯᠡᠰ ᠤᠨ ᠪᠦᠬᠦ ᠲᠠᠯ᠎ᠠ ᠶᠢᠨ ᠲᠠᠪᠰᠢᠯᠲᠠ ᠶᠢ ᠲᠦᠯᠬᠢᠨ ᠠᠬᠢᠭᠤᠯᠪᠠ᠃ ᠡᠳᠡᠬᠡᠷ ᠠᠮᠵᠢᠯᠲᠠ ᠪᠦᠲᠦᠮᠵᠢ  ᠶᠢ ᠤᠯᠤᠭᠰᠠᠨ ᠨᠢ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠪᠤᠯᠤᠨ ᠪᠦᠬᠦ ᠲᠠᠯ᠎ᠠ ᠶᠢ ᠨᠢᠭᠡᠳᠦᠯᠲᠠᠢ ᠤᠳᠤᠷᠢᠳᠤᠭᠰᠠᠨ ᠤ ᠦᠷ᠎ᠡ ᠳ᠋ᠥᠡᠭ᠂ ᠮᠥᠠᠴᠤ ᠠᠷᠠᠳ ᠤᠨ ᠲᠦᠯᠦᠬᠡᠯᠡᠭᠴᠢᠳ᠂ ᠤᠯᠤᠰ ᠲᠦᠷᠤ ᠶᠢᠨ ᠵᠦᠪᠯᠡᠯᠬᠡᠨ ᠤ ᠬᠡᠰᠢᠬᠦᠳ ᠬᠠᠤᠯᠢ ᠶᠤᠰᠤᠭᠠᠷ ᠬᠢᠨᠡᠯᠳᠡ ᠲᠠᠯᠪᠢᠵᠤ᠂ ᠰᠠᠨᠠᠯ ᠵᠦᠪᠯᠡᠯᠬᠡ ᠪᠤᠳᠤᠯᠭ᠎ᠠ ᠤᠬᠠᠭᠠᠨ ᠨᠠᠮᠡᠷᠢᠯᠡᠭᠰᠠᠨ ᠤ ᠦᠷ᠎ᠡ ᠳ᠋ᠥᠡᠭ᠂ ᠪᠦᠬᠦ ᠬᠤᠰᠢᠭᠤᠨ ᠤ ᠦᠨᠳᠦᠰᠦᠲᠠᠨ ᠨᠦᠭᠦᠳ ᠤᠨ ᠺᠠᠳ᠋ᠷ ᠤᠯᠠᠨ ᠲᠦᠮᠡᠨ ᠪᠦᠯᠬᠦᠮᠳᠠᠨ ᠨᠢᠭᠡᠳᠴᠤ᠂ ᠮᠠᠷᠡᠶᠢᠨ ᠵᠢᠳᠬᠦᠭᠰᠠᠨ ᠤ ᠦᠷ᠎ᠡ ᠳ᠋ᠥᠡᠭ᠂ ᠨᠡᠶᠢᠬᠡᠮ ᠤᠨ ᠡᠯ᠎ᠠ ᠡᠳᠡᠭᠡᠳ ᠤᠨ ᠬᠢᠨ ᠬᠠᠯᠠᠮᠵᠢᠯᠠᠨ ᠳᠡᠮᠵᠢᠵᠤ᠂ ᠪᠦᠬᠦ ᠬᠦᠴᠦ ᠪᠠᠷ ᠬᠠᠪᠰᠤᠷᠤᠭᠰᠠᠨ ᠤ ᠦᠷ᠎ᠡ ᠳ᠋ᠦᠩ ᠶᠤᠮ᠃ ᠠᠳᠠ ᠪᠢ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠢ ᠲᠦᠯᠦᠬᠡᠯᠡᠵᠤ ᠡᠯ᠎ᠠ ᠠᠵᠢᠯ ᠤᠨ ᠪᠠᠶᠢᠷᠢᠨ ᠳᠠᠭᠠᠨ ᠰᠢᠷᠭᠠᠭᠤ ᠬᠦᠳᠡᠯᠮᠦᠷᠢᠯᠡᠵᠤ ᠪᠠᠶᠢᠭ᠎ᠠ ᠡᠯ᠎ᠠ ᠦᠨᠳᠦᠰᠦᠲᠠᠨ ᠤ ᠺᠠᠳ᠋ᠷ ᠤᠯᠠᠨ ᠲᠦᠮᠡᠨ᠂ ᠮᠥᠨ ᠠᠯᠠᠱᠠ ᠵᠡᠬᠦᠨ ᠬᠤᠰᠢᠭᠤᠨ ᠤ ᠬᠦᠭᠵᠢᠯᠲᠠ ᠶᠢ ᠬᠠᠯᠠᠮᠵᠢᠯᠠᠨ ᠳᠡᠮᠵᠢᠭᠰᠡᠨ ᠡᠯ᠎ᠠ ᠱᠠᠲᠤᠨ ᠤ ᠤᠳᠤᠷᠢᠳᠤᠯᠭ᠎ᠠ ᠪᠤᠯᠤᠨ ᠨᠡᠶᠢᠬᠡᠮ ᠤᠨ ᠡᠯ᠎ᠠ ᠡᠳᠡᠬᠡᠳ ᠤᠨ ᠬᠢᠨ ᠳᠤ ᠡᠷᠬᠢᠮ ᠳᠡᠬᠡᠳᠤ ᠮᠡᠨᠳᠦᠴᠢᠯᠡᠭᠡ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠬᠦᠯᠦᠶ᠎ᠡ︕ᠠᠮᠵᠢᠯᠳᠠ ᠪᠦᠲᠦᠮᠵᠢ ᠪᠠᠨ ᠨᠣᠳᠠᠯᠠᠬᠤ ᠶᠢᠨ ᠬᠠᠮᠳᠦ᠂ ᠪᠢᠳᠡ ᠠᠵᠣ ᠠᠬᠤᠢ ᠨᠠᠶᠢᠬᠡᠮ ᠤᠨ ᠬᠥᠭᠵᠢᠯᠳᠡ ᠶᠢᠨ ᠲᠣᠮᠳᠠ ᠲᠣᠬᠢᠶᠠᠯᠳᠤᠭᠰᠠᠨ ᠬᠦᠴᠢᠷᠳᠡᠯ ᠪᠠ ᠠᠰᠠᠭᠤᠳᠡᠯ ᠢ ᠡᠷᠬᠡᠪᠰᠢ ᠰᠡᠷᠭᠡᠭ ᠢᠶᠠᠷ ᠣᠯᠵᠣ ᠲᠠᠨᠢᠬᠤ ᠴᠢᠬᠤᠯᠠᠲᠠᠢ᠃ ᠭᠤᠤᠯᠳᠠᠭᠤ᠄ ᠠᠵᠤ ᠠᠬᠤᠢ ᠶᠢᠨ ᠬᠦᠭᠵᠢᠯᠲᠠ ᠶᠢᠨ ᠠᠷᠭ᠎ᠠ ᠬᠡᠯᠪᠡᠷᠢ ᠪᠦᠳᠦᠬᠦᠯᠢᠭ᠂ ᠠᠵᠤ ᠦᠢᠯᠡᠰ ᠤᠨ ᠪᠦᠲᠦᠴᠠ ᠵᠣᠬᠢᠰ ᠦᠭᠡᠢ᠂ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢ ᠲᠤᠲᠠᠮᠠᠭ᠂ ᠬᠡᠯᠪᠡᠷᠢ ᠪᠠᠨ ᠦᠭᠡᠷᠡᠴᠢᠯᠡᠬᠦ᠂ ᠪᠦᠲᠦᠴᠠ ᠪᠠᠨ ᠲᠤᠬᠢᠷᠠᠭᠤᠯᠬᠤ᠂ ᠴᠢᠨᠠᠷ ᠢᠶᠠᠨ ᠰᠠᠶᠢᠵᠢᠷᠠᠭᠤᠯᠤᠨ ᠦᠷ᠎ᠠ ᠠᠰᠢᠭ ᠢᠶᠠᠨ ᠨᠡᠮᠡᠭᠳᠡᠬᠦᠯᠬᠦ ᠡᠬᠦᠷᠬᠡ ᠪᠠᠰᠠ ᠬᠦᠨᠳᠤ ᠪᠠᠶᠢᠭᠰᠠᠭᠠᠷ︔ ᠲᠠᠷᠢᠶᠠᠯᠠᠩ ᠮᠠᠯ ᠠᠵᠤ ᠠᠬᠤᠢ ᠶᠢ ᠠᠵᠣ ᠦᠢᠯᠡᠰᠵᠢᠭᠦᠯᠬᠦ ᠪᠠ ᠡᠷᠴᠢᠮᠵᠢᠭᠦᠯᠬᠦ ᠬᠢᠷᠢ ᠲᠥᠪᠰᠢᠨ ᠦᠨᠳᠥᠷ ᠪᠢᠰᠢ᠂ ᠮᠠᠯᠴᠢᠨ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠲᠣᠭᠳᠠᠭᠤᠨ ᠢᠶᠠᠷ ᠨᠡᠮᠡᠭᠳᠡᠭᠦᠯᠬᠦ ᠬᠦᠴᠢᠷᠳᠡᠯ ᠶᠡᠭᠡᠲᠠᠢ︔ ᠠᠵᠤ ᠦᠢᠯᠡᠳᠪᠤᠷᠢ ᠶᠢᠨ ᠬᠦᠭᠵᠢᠯᠲᠠ ᠨᠢ ᠲᠦᠷᠦᠯ ᠵᠦᠢᠯ  ᠤᠨ ᠲᠤᠯᠭᠠᠭᠤᠷᠢᠯᠠᠯᠲᠠ ᠪᠠᠷ ᠲᠤᠲᠠᠮᠠᠭ᠂ ᠬᠡᠯᠪᠡᠷᠢ ᠪᠠᠨ ᠬᠤᠪᠢᠷᠠᠭᠤᠯᠵᠤ ᠲᠡᠰ ᠲᠡᠪᠰᠢᠭᠦᠯᠬᠦ ᠡᠭᠦᠷᠬᠡ ᠬᠥᠨᠳᠤ᠂ ᠲᠠᠷᠤᠭᠠᠰᠣ ᠶᠡᠭᠡ︔ ᠭᠠᠳᠠᠭᠠᠳᠦ ᠲᠠᠢ ᠴᠢᠯᠤᠭᠡᠲᠠᠢ ᠶᠠᠪᠤᠯᠴᠠᠬᠤ ᠬᠢᠷᠢ ᠲᠥᠪᠰᠢᠨ ᠦᠨᠳᠦᠷ ᠪᠢᠰᠢ᠂ ᠦᠢᠯᠡᠳᠪᠦᠷᠢᠯᠡᠯ ᠤᠨ ᠡᠯᠧᠮᠧᠨ᠋ᠲ ᠶᠢ ᠨᠢᠭᠡᠳᠦᠭᠦᠯᠬᠦ ᠴᠢᠳᠠᠪᠤᠷᠢ ᠪᠠᠷ ᠲᠣᠳᠠᠮᠠᠭ︔ ᠬᠤᠲᠠ ᠬᠦᠳᠡᠭᠡᠨ ᠤ ᠰᠠᠭᠤᠷᠢ ᠲᠥᠬᠦᠭᠡᠷᠦᠮᠵᠢ ᠨᠢ ᠪᠦᠷᠢᠨ ᠲᠡᠬᠦᠯᠳᠡᠷ ᠪᠢᠰᠢ᠂ ᠬᠦᠭᠵᠢᠯᠲᠠ ᠶᠢ ᠪᠠᠲᠤᠯᠠᠬᠤ ᠴᠢᠳᠠᠪᠤᠷᠢ ᠪᠠᠷ ᠲᠣᠲᠠᠮᠠᠭ︔ ᠡᠳ᠋ ᠪᠠᠶᠠᠯᠢᠭ ᠤᠨ ᠬᠠᠳᠠᠭᠠᠯᠠᠭᠳᠠᠴᠠ ᠶᠢᠨ ᠬᠡᠮᠵᠢᠶ᠎ᠡ ᠪᠠᠭᠠᠰᠴᠤ᠂ ᠡᠳ᠋ ᠪᠠᠶᠠᠯᠢᠭ ᠤᠨ ᠨᠡᠮᠡᠭᠳᠡᠯ ᠤᠨ ᠬᠡᠮᠵᠢᠶ᠎ᠡ ᠲᠤᠲᠠᠮᠠᠭ᠂ ᠡᠳ᠋ ᠤᠨ ᠵᠠᠰᠠᠭ ᠤᠨ ᠲᠠᠷᠤᠭᠠᠰᠤ ᠬᠦᠨᠳᠦ᠂ ᠤᠷᠤᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ︔ ᠬᠤᠲᠠ ᠬᠦᠳᠡᠬᠡᠨ  ᠤ ᠬᠦᠭᠵᠢᠯᠲᠠ ᠲᠡᠩᠴᠡᠭᠦᠷᠢ ᠦᠭᠡᠢ᠂ ᠰᠠᠭᠤᠭᠠᠯᠢ ᠠᠷᠠᠳ ᠤᠨ ᠤᠷᠤᠯᠭ᠎ᠠ ᠪᠤᠯᠤᠨ ᠨᠡᠶᠢᠲᠠ ᠶᠢᠨ ᠦᠨᠳᠦᠰᠦᠨ ᠦᠢᠯᠡᠴᠢᠯᠡᠬᠡᠨ ᠤ ᠵᠦᠷᠢᠶ᠎ᠠ ᠶᠡᠭᠡ ᠪᠠᠶᠢᠭᠰᠠᠭᠠᠷ︔ ᠺᠠᠳ᠋ᠷ ᠤᠨ ᠡᠩᠨᠡᠭᠡ ᠶᠢᠨ ᠰᠢᠨ᠎ᠡ ᠶᠢ ᠡᠭᠦᠳᠬᠦ ᠤᠬᠠᠮᠰᠠᠷ ᠲᠣᠷᠣᠢ᠂ ᠬᠠᠷᠢᠭᠤᠴᠠᠯᠭ᠎ᠠ ᠡᠬᠦᠷᠬᠡᠯᠡᠬᠦ ᠤᠬᠠᠮᠰᠠᠷ ᠬᠦᠷᠦᠯᠴᠡᠬᠦ ᠦᠭᠡᠢ᠂ ᠥᠪᠡᠷ ᠪᠡᠶ᠎ᠡ ᠶᠢᠨ ᠪᠠᠶᠢᠭᠤᠯᠤᠯᠲᠠ ᠶᠢᠨ ᠠᠵᠢᠯ ᠢ ᠪᠠᠰᠠ ᠦᠷᠬᠦᠯᠵᠢᠯᠡᠨ ᠴᠢᠩᠭᠠᠳᠬᠠᠬᠤ ᠴᠢᠬᠤᠯᠠᠲᠠᠢ᠃ ᠲᠡᠭᠡᠷᠡᠬᠢ ᠠᠰᠠᠭᠤᠳᠠᠯ ᠢ ᠪᠢᠳᠠ ᠵᠠᠪᠠᠯ ᠨᠠᠷᠢᠨ ᠬᠢᠨᠠᠮᠠᠭᠠᠢ ᠵᠠᠳᠠᠯᠤᠨ ᠰᠤᠳᠤᠯᠵᠤ᠂ ᠨᠡᠩ ᠪᠦᠳᠦᠮᠵᠢᠳᠠᠢ ᠠᠷᠭ᠎ᠠ ᠪᠠᠷᠢᠯ ᠢᠶᠠᠷ ᠰᠢᠢᠳᠪᠤᠷᠢᠯᠠᠬᠦ ᠴᠢᠬᠤᠯᠠᠲᠠᠢ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号