| | | 2017 ᠤᠨ ᠤ ᠭᠤᠤᠯᠳᠠᠯᠭ᠎ᠠ ᠲᠠᠢ ᠠᠵᠢᠯ | ᠲᠦᠯᠦᠬᠡᠯᠡᠭᠴᠢᠳ ᠡ᠂ 2017 ᠤᠨ ᠪᠤᠯ ︽ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠯᠡᠬᠦᠯᠬᠡ︾ ᠶᠢ | ᠬᠡᠷᠡᠭᠵᠢᠭᠦᠯᠬᠦ ᠴᠢᠬᠤᠯᠠ ᠵᠢᠯ ᠪᠤᠯᠤᠨ᠎ᠠ᠂ ᠮᠥᠨᠴᠤ ᠬᠠᠩᠭᠠᠯᠭ᠎ᠠ ᠶᠢᠨ ᠲᠠᠯ᠎ᠠ ᠶᠢᠨ ᠪᠦᠲᠦᠴᠠ ᠶᠢᠨ ᠴᠢᠨᠠᠷᠲᠠᠢ | ᠦᠭᠡᠷᠡᠴᠢᠯᠡᠯᠲᠠ ᠶᠢ ᠬᠦᠨᠵᠡᠬᠡᠶᠢᠷᠡᠬᠦᠯᠬᠦ ᠵᠢᠯ ᠪᠤᠯᠤᠨ᠎ᠠ᠂ ᠡᠨᠡ ᠵᠢᠯ ᠤᠨ ᠠᠵᠢᠯ ᠢ ᠰᠠᠶᠢᠲᠤᠷ ᠬᠢᠬᠦ ᠨᠢ ᠮᠠᠰᠢ | ᠴᠢᠬᠤᠯᠠ ᠶᠣᠮ᠃ ᠪᠢᠳᠠ ᠲᠦᠰᠦᠪ ᠲᠦᠯᠦᠪᠯᠡᠭᠡ ᠪᠠᠨ ᠰᠠᠶᠢᠲᠣᠷ ᠪᠡᠶᠡᠯᠡᠬᠦᠯᠬᠦ ᠶᠢ ᠪᠠᠷᠢᠮᠲᠠᠯᠠᠵᠤ᠂ ᠭᠤᠶᠢᠪᠢᠰᠢ | ᠦᠭᠡᠢ ᠪᠠᠷ ᠬᠦᠭᠵᠢᠯᠲᠠ ᠪᠠᠨ ᠴᠢᠩᠭ᠎ᠠ ᠠᠳᠬᠤᠵᠤ᠂ ᠵᠤᠬᠢᠶᠠᠨ ᠪᠠᠶᠢᠭᠤᠯᠤᠯᠲᠠ ᠶᠢᠨ ᠨᠠᠶᠢᠲᠠᠯᠭ᠎ᠠ ᠶᠢ ᠲᠡᠭᠡᠳᠣ | ᠬᠡᠮᠵᠢᠶᠡᠨ ᠤ ᠬᠦᠭᠵᠢᠯᠲᠠ ᠶᠢᠨ ᠬᠠᠮᠲᠤ ᠶᠢᠨ ᠦᠵᠡᠯᠳᠡ ᠪᠤᠯᠭᠠᠨ ᠨᠢᠭᠡᠳᠬᠡᠵᠤ᠂ ᠡᠭᠦᠷᠭᠡ ᠬᠠᠷᠢᠭᠤᠴᠠᠯᠭ᠎ᠠ ᠪᠠᠨ | ᠠᠲᠠᠯ ᠦᠢᠯᠡᠰ ᠪᠤᠰᠬᠠᠬᠤ ᠣᠷᠭᠢᠯᠣᠮ᠎ᠠ ᠰᠡᠳᠬᠢᠯᠭᠡ ᠪᠤᠯᠭᠠᠨ ᠡᠷᠴᠢᠯᠡᠵᠤ᠂ ᠤᠯᠠᠨ ᠲᠦᠮᠡᠨ ᠤ ᠲᠡᠮᠵᠢᠯᠡᠭᠡ ᠶᠢ | ᠬᠦᠴᠦᠷᠬᠡᠭ ᠶᠡᠭᠡ ᠤᠷᠤᠭᠰᠢᠯᠠᠯᠲᠠ ᠶᠢᠨ ᠬᠦᠴᠤ ᠪᠤᠯᠭᠠᠨ ᠨᠢᠭᠳᠠᠷᠠᠭᠤᠯᠵᠣ᠂ ᠵᠣᠷᠢᠭ ᠢᠶᠠᠨ ᠬᠥᠪᠴᠢᠯᠡᠨ᠂ | ᠵᠤᠷᠢᠭᠲᠠᠢ ᠪᠠᠷ ᠬᠠᠷᠢᠭᠤᠴᠠᠵᠤ᠂ ᠴᠢᠷᠮᠠᠶᠢᠨ ᠲᠡᠮᠡᠴᠡᠨ᠂ ᠬᠦᠴᠢᠷ ᠢ ᠲᠣᠭᠤᠯᠵᠣ᠂ ︽ᠭᠤᠶᠠᠴᠢ ᠦᠭᠡᠢ ᠵᠢᠳᠭᠦᠯ ᠢᠶᠠᠷ | ᠠᠷᠠᠳ ᠲᠤ ᠠᠰᠢᠭ ᠤᠯᠭᠤᠬᠤ︾ ᠪᠤᠲᠠᠲᠣ ᠵᠤᠷᠢᠭ ᠰᠠᠨᠠᠭ᠎ᠠ ᠪᠠᠷ᠂ ᠲᠡᠤᠬᠡ ᠪᠤᠯᠤᠨ ᠪᠦᠬᠦ ᠬᠤᠰᠢᠭᠤᠨ ᠤ ᠠᠷᠠᠳ | ᠤᠯᠠᠨ ᠤ ᠬᠢᠨᠠᠨ ᠰᠢᠯᠭᠠᠯᠲᠠ ᠶᠢ ᠲᠠᠭᠠᠭᠠᠵᠤ ᠴᠢᠳᠠᠬᠤ ᠦᠷ᠎ᠠ ᠪᠦᠲᠦᠮᠵᠢ ᠶᠢ ᠴᠢᠷᠮᠠᠶᠢᠨ ᠡᠭᠦᠳᠬᠦ ᠬᠡᠷᠡᠭᠲᠠᠢ᠃ | 2017 ᠤᠨ ᠤ ᠠᠵᠢᠯ ᠤᠨ ᠶᠠᠷᠤᠩᠬᠡᠢ ᠬᠠᠷᠠᠯᠲᠠ ᠪᠤᠯ᠄ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ | ᠲᠦᠯᠦᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠲᠠ ᠪᠠᠷ | ᠵᠢᠯᠤᠭᠤᠳᠤᠯᠭ᠎ᠠ ᠪᠤᠯᠭᠠᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ | ᠬᠤᠭᠤᠴᠠᠭᠠᠨ ᠤ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠬᠦᠳᠠ ᠬᠤᠷᠠᠯ᠂ ᠰᠢ ᠶᠢᠨ | ᠫᠢᠩ ᠶᠠᠷᠤᠩᠬᠡᠢ ᠱᠦᠵᠢ ᠶᠢᠨ ᠱᠢᠷᠢᠰ ᠴᠢᠬᠤᠯᠠ ᠶᠠᠷᠢᠶ᠎ᠠ ᠪᠠ ᠲᠦᠷᠦ ᠶᠢ ᠵᠠᠰᠠᠵᠤ ᠵᠠᠰᠠᠭ ᠢ ᠬᠠᠮᠢᠶᠠᠷᠬᠤ ᠰᠢᠨ᠎ᠡ | ᠤᠶᠢᠯᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠣᠯᠭ᠎ᠠ ᠶᠢ ᠭᠦᠨᠵᠡᠭᠡᠶᠢᠷᠡᠭᠦᠯᠦᠨ ᠲᠣᠣᠱᠯᠠᠭᠤᠯᠵᠤ᠂ | ᠰᠢ ᠶᠢᠨ ᠫᠢᠩ ᠶᠠᠷᠤᠩᠬᠡᠢ ᠱᠦᠵᠢ ᠶᠢᠨ ᠦᠪᠦᠷ ᠮᠤᠩᠭᠤᠯ ᠢ ᠲᠤᠭᠤᠷᠢᠨ ᠪᠠᠶᠢᠴᠠᠭᠠᠬᠤ ᠦᠶ᠎ᠠ ᠶᠢᠨ ᠴᠢᠬᠤᠯᠠ | ᠶᠠᠷᠢᠶ᠎ᠠ᠂ ᠦᠪᠦᠷ ᠮᠤᠩᠭᠤᠯ ᠤᠨ ᠦᠪᠡᠷᠲᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠠᠷᠪᠠᠳᠤᠭᠠᠷ ᠤᠳᠠᠭᠠᠨ | ᠤ ᠲᠦᠯᠦᠬᠡᠯᠡᠭᠴᠢᠳ ᠤᠨ ᠬᠤᠷᠠᠯ᠂ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠠ ᠬᠤᠷᠠᠯ᠂ ᠠᠶᠢᠮᠠᠭ ᠤᠨ | ᠨᠠᠮ ᠤᠨ ᠬᠤᠷᠢᠶᠠᠨ ᠤ ︵ᠦᠷᠬᠡᠳᠬᠡᠭᠰᠡᠨ︶ ᠬᠤᠷᠠᠯ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠭᠤᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠠ ᠬᠤᠷᠠᠯ ᠤᠨ ᠴᠢᠬᠤᠯᠠ ᠪᠠᠶᠢᠷᠢᠯᠠᠭᠤᠯᠤᠯᠲᠠ | ᠶᠢᠨ ᠲᠤᠭᠤᠷᠢᠨ ᠳᠤ᠂ ︽ᠲᠠᠪᠤ ᠶᠢ ᠨᠢᠬᠡ ᠴᠤᠭᠴᠠᠵᠢᠭᠤᠯᠬᠤ︾ ᠶᠠᠷᠤᠩᠬᠡᠢ ᠪᠠᠶᠢᠷᠢᠯᠠᠭᠤᠯᠤᠯᠲᠠ ᠶᠢ ᠨᠢᠭᠡᠳᠦᠯᠲᠠᠢ | ᠲᠦᠯᠬᠢᠨ ᠠᠬᠢᠭᠤᠯᠵᠤ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠶᠢ | ᠵᠤᠬᠢᠴᠠᠩᠭᠤᠢ ᠪᠠᠷ ᠠᠬᠢᠭᠤᠯᠤᠨ᠂ ᠲᠤᠭᠲᠠᠭᠤᠨ ᠢᠶᠠᠷ ᠤᠷᠤᠭᠰᠢᠯᠠᠬᠤ ᠦᠨᠳᠦᠰᠦᠨ ᠱᠣᠭᠤᠮ ᠢ ᠪᠠᠷᠢᠮᠲᠠᠯᠠᠵᠤ᠂ ︽ | ᠲᠠᠪᠤᠨ ᠶᠡᠭᠡ ᠬᠦᠭᠵᠢᠯᠲᠠ ᠶᠢᠨ ᠦᠵᠡᠯᠳᠡ︾ ᠶᠢ ᠨᠠᠷᠢᠨ ᠨᠢᠮᠪᠠᠢ ᠦᠢᠯᠡᠳᠦᠯᠭᠡᠵᠢᠭᠦᠯᠵᠦ᠂ ︽ᠭᠤᠷᠪᠠᠨ ᠵᠤᠷᠪᠤᠰ | ᠬᠤᠷᠢᠭ᠎ᠠ ᠱᠤᠭᠤᠮ︾ ᠢ ᠴᠢᠩᠭ᠎ᠠ ᠰᠠᠬᠢᠵᠤ᠂ ︽ᠲᠠᠪᠤᠨ ᠪᠡᠶᠡᠯᠡᠬᠦᠯᠦᠯᠲᠠ︾ ᠶᠢᠨ ᠵᠤᠬᠢᠴᠠᠯᠳᠤᠨ ᠬᠦᠭᠵᠢᠬᠦ ᠶᠢ | ᠲᠦᠯᠬᠢᠨ ᠠᠬᠢᠭᠤᠯᠵᠣ᠂ ︽ᠵᠢᠷᠭᠤᠭᠠᠨ ᠲᠤᠮᠤ ᠰᠠᠭᠤᠷᠢᠨ ᠭᠠᠵᠠᠷ︾ ᠢ ᠪᠠᠶᠢᠭᠤᠯᠬᠤ ᠶᠢᠨ ᠲᠤᠭᠤᠷᠢᠨ ᠳᠤ᠂ ︽ | ᠲᠤᠯᠤᠭᠠᠨ ᠲᠤᠮᠤ ᠰᠦᠯᠵᠢᠶ᠎ᠠ︾ ᠶᠢ ᠪᠤᠢ ᠪᠤᠯᠭᠠᠵᠤ᠂ ᠰᠢᠨ᠎ᠠ ᠶᠢ ᠡᠭᠦᠳᠬᠦ ᠪᠠᠷ ᠬᠥᠳᠡᠯᠭᠡᠭᠦᠷ ᠪᠤᠯᠭᠠᠬᠤ᠂ ᠪᠡᠯᠡ | ᠤᠷᠤᠭᠤᠯᠤᠯᠳᠡ ᠪᠠ ᠲᠦᠷᠦᠯ ᠵᠦᠢᠯ ᠢᠶᠠᠷ ᠲᠠᠶᠢᠴᠢᠯᠠᠨ ᠲᠠᠭᠠᠭᠤᠯᠬᠤ ᠠᠵᠢᠯ ᠢ ᠴᠢᠩᠭᠠᠳᠬᠠᠵᠤ᠂ ᠦᠨᠳᠦᠰᠤᠨ | ᠲᠠᠯ᠎ᠠ ᠶᠢ ᠲᠤᠭᠳᠠᠭᠤᠨ ᠪᠠᠶᠢᠯᠭᠠᠵᠤ᠂ ᠰᠢᠨ᠎ᠠ ᠬᠦᠳᠡᠯᠬᠡᠭᠴᠢ ᠬᠦᠴᠦᠨ ᠢ ᠪᠣᠶᠢᠵᠢᠭᠤᠯᠵᠣ᠂ ᠠᠵᠣ ᠦᠢᠯᠡᠰ ᠤᠨ | ᠣᠶᠠᠯᠳᠣᠨ ᠬᠦᠭᠵᠢᠬᠦ ᠶᠢ ᠠᠬᠢᠭᠤᠯᠵᠤ᠂ ︽ᠰᠠᠭᠤᠷᠢ ᠲᠠᠯᠪᠢᠬᠤ᠂ ᠦᠭᠡᠷᠡᠴᠢᠯᠠᠯᠲᠠ ᠶᠢ ᠠᠬᠢᠭᠤᠯᠬᠤ᠂ ᠪᠥᠲᠦᠴᠡ ᠶᠢ | ᠲᠤᠬᠢᠷᠠᠭᠤᠯᠬᠤ᠂ ᠤᠷᠴᠢᠨ ᠲᠤᠭᠤᠷᠢᠨ ᠢᠶᠠᠨ ᠰᠢᠯᠢᠳᠡᠭᠵᠢᠬᠦᠯᠬᠦ᠂ ᠠᠷᠠᠳ ᠤᠨ ᠠᠮᠢᠳᠤᠷᠠᠯ ᠢ ᠬᠠᠷᠠᠭᠠᠯᠵᠠᠬᠤ ᠳᠤ | ᠠᠰᠢᠭᠲᠠᠢ᠂ ᠲᠦᠭᠰᠢᠭᠦᠷᠢ ᠠᠴᠠ ᠰᠡᠷᠬᠡᠶᠢᠯᠡᠬᠦ︾ ᠡᠯ᠎ᠠ ᠲᠦᠷᠦᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ | ᠬᠢᠵᠤ᠂ ︽ᠨᠢᠭᠡ ᠶᠢ ᠤᠷᠢᠳᠴᠢᠯᠡᠨ ᠪᠡᠶᠡᠯᠡᠬᠦᠯᠬᠦ︾᠂ ︽ᠬᠤᠶᠠᠷ ᠢ ᠲᠠᠬᠢᠨ ᠢᠶᠠᠷ ᠨᠡᠮᠡᠭᠳᠡᠬᠦᠯᠬᠦ︾᠂ ︽ᠬᠤᠶᠠᠷ ᠢ | ᠦᠨᠳᠦᠷ ᠲᠦᠪᠰᠢᠨ ᠳᠤ ᠬᠦᠷᠭᠡᠬᠦ︾ ᠬᠠᠷᠠᠯᠲᠠ ᠪᠠᠨ ᠪᠡᠶᠡᠯᠡᠬᠦᠯᠬᠦ ᠳᠤ ᠪᠠᠲᠤ ᠪᠠᠬᠢ ᠰᠠᠭᠤᠷᠢ ᠲᠠᠯᠪᠢᠵᠤ᠂ ᠡᠬᠡ | ᠤᠯᠤᠰ ᠤᠨ ᠤᠮᠠᠷᠠᠳᠣ ᠬᠢᠵᠠᠭᠠᠷ ᠤᠨ ᠦᠵᠡᠮᠵᠢ ᠶᠢᠨ ᠣᠷᠣᠨ ᠢᠶᠠᠨ ᠭᠤᠶᠢᠳᠡ ᠰᠠᠶᠢᠬᠠᠨ ᠣᠷᠣᠨ ᠢ ᠴᠢᠷᠮᠠᠶᠢᠨ | ᠪᠠᠶᠢᠭᠤᠯᠣᠨ᠎ᠠ᠃ | ᠡᠯ᠎ᠠ ᠲᠠᠯ᠎ᠠ ᠶᠢᠨ ᠡᠯᠧᠮᠧᠨ᠋ᠲ ᠶᠢ ᠶᠡᠷᠥᠩᠬᠡᠶᠢᠯᠡᠨ ᠪᠤᠳᠤᠯᠬᠢᠯᠡᠪᠠᠯ᠂ 2017 ᠤᠨ ᠤ ᠠᠵᠤ ᠠᠬᠤᠢ ᠨᠡᠶᠢᠬᠡᠮ ᠤᠨ | ᠬᠦᠭᠵᠢᠯᠲᠠ ᠶᠢᠨ ᠲᠥᠯᠦᠪᠯᠡᠭᠡ ᠶᠢᠨ ᠵᠢᠱᠢᠭᠰᠡᠨ ᠬᠠᠷᠠᠯᠲᠠ ᠪᠤᠯ᠄ ᠤᠷᠤᠨ ᠨᠤᠲᠤᠭ ᠤᠨ ᠦᠢᠯᠡᠳᠪᠤᠷᠢᠯᠡᠯ ᠤᠨ | ᠶᠠᠷᠤᠩᠬᠡᠢ ᠦᠷᠲᠡᠭ ᠢ 7.8% ᠪᠠᠷ ᠨᠡᠮᠡᠭᠳᠡᠬᠦᠯᠦᠨ᠎ᠠ︔ 500 ᠲᠦᠮᠡᠨ ᠲᠥᠭᠦᠷᠢᠭ ᠠᠴᠠ ᠲᠡᠭᠡᠭᠰᠢᠬᠢ ᠲᠤᠭᠲᠠᠮᠠᠯ | ᠬᠦᠷᠦᠩᠬᠡ ᠶᠢᠨ ᠪᠡᠯᠡ ᠤᠷᠤᠭᠤᠯᠤᠯᠲᠠ ᠶᠢ 16% ᠪᠠᠷ ᠨᠡᠮᠡᠭᠳᠡᠬᠦᠯᠤᠨ᠎ᠠ︔ ᠡᠩ ᠤᠨ ᠤᠯᠠᠨ ᠨᠡᠶᠢᠲᠠ ᠶᠢᠨ | ᠲᠥᠰᠦᠪ ᠤᠨ ᠣᠷᠣᠯᠭ᠎ᠠ ᠶᠢ 8.5% ᠪᠠᠷ ᠨᠡᠮᠡᠭᠳᠡᠬᠦᠯᠦᠨ᠎ᠠ︔ ᠬᠤᠲᠠ ᠪᠠᠯᠭᠠᠰᠤᠨ ᠤ ᠪᠠᠶᠢᠩᠭᠤ ᠰᠠᠭᠤᠭᠠᠯᠢ ᠠᠷᠠᠳ | ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠤ ᠪᠣᠯᠬᠤ ᠤᠷᠤᠯᠭ᠎ᠠ ᠶᠢ 8% ᠪᠠᠷ ᠨᠠᠮᠡᠭᠳᠡᠭᠦᠯᠵᠤ᠂ ᠮᠠᠯᠵᠢᠬᠤ | ᠲᠠᠷᠢᠶᠠᠯᠠᠬᠤ ᠤᠷᠤᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠤ | ᠪᠤᠯᠬᠤ ᠤᠷᠤᠯᠭ᠎ᠠ ᠶᠢ 8.5% ᠪᠠᠷ ᠨᠡᠮᠡᠭᠳᠡᠬᠦᠯᠦᠨ᠎ᠠ︔ ᠨᠡᠶᠢᠬᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ | ᠪᠣᠷᠣᠯᠠᠭᠤᠯᠬᠤ ᠶᠡᠷᠥᠩᠬᠡᠢ ᠬᠡᠮᠵᠢᠶ᠎ᠡ ᠶᠢ 9% ᠪᠠᠷ ᠨᠡᠮᠡᠭᠳᠡᠬᠦᠯᠦᠨ᠎ᠠ︔ ᠭᠤᠤᠯ ᠬᠢᠵᠠᠭᠠᠷᠯᠠᠯ ᠤᠨ ᠴᠢᠨᠠᠷᠲᠠᠢ | ᠭᠦᠢᠴᠡᠳᠭᠡᠯ ᠲᠤᠭ᠎ᠠ ᠶᠢ ᠲᠡᠭᠡᠳᠤ ᠱᠠᠲᠤᠨ ᠠᠴᠠ ᠱᠠᠭᠠᠷᠳᠠᠭᠰᠠᠨ ᠬᠡᠪᠴᠢᠶ᠎ᠠ ᠲᠣᠲᠣᠷ᠎ᠠ ᠬᠢᠵᠠᠭᠠᠷᠯᠠᠨ᠎ᠠ᠃ | ᠳᠡᠬᠡᠷᠡᠬᠢ ᠬᠠᠷᠠᠯᠳᠠᠳᠤ ᠡᠬᠦᠷᠬᠡ ᠶᠢᠨ ᠳᠤᠭᠤᠷᠢᠨ ᠳᠤ᠂ ᠳᠤᠤᠷᠠᠬᠢ ᠳᠤᠯᠤᠭᠠᠨ ᠳᠠᠯ᠎ᠠ ᠶᠢᠨ ᠠᠵᠢᠯ ᠢ | ᠭᠤᠤᠯᠳᠠᠯᠭ᠎ᠠ ᠲᠠᠢ ᠠᠳᠬᠤᠨ᠎ᠠ᠄ | ᠨᠢᠬᠡ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠬᠦᠴᠦᠯᠡᠨ ᠠᠳᠬᠤᠵᠤ᠂ ᠪᠡᠯᠡ ᠤᠷᠤᠭᠤᠯᠤᠯᠳᠠ | ᠶᠢᠨ ᠳᠠᠶᠢᠴᠢᠯᠠᠬᠤ ᠦᠢᠯᠡᠳᠦᠯ ᠢ ᠬᠦᠢᠴᠡᠳ ᠪᠠᠳᠠᠷᠠᠭᠤᠯᠤᠨ᠎ᠠ | ᠳᠦᠷᠦᠯ ᠵᠦᠢᠯ ᠤᠨ ᠪᠠᠶᠢᠭᠤᠯᠤᠯᠳᠠ ᠪᠠᠷ ᠶᠡᠷᠦᠩᠬᠡᠶᠢᠯᠡᠨ ᠵᠠᠬᠢᠷᠬᠤ ᠶᠢ ᠪᠠᠷᠢᠮᠳᠠᠯᠠᠨ᠂ ᠪᠦᠳᠦᠮᠵᠢᠳᠡᠢ ᠪᠡᠯᠡ | ᠤᠷᠤᠭᠤᠯᠤᠯᠳᠠ ᠶᠢ ᠴᠢᠷᠮᠠᠶᠢᠨ ᠦᠷᠬᠡᠳᠬᠡᠵᠤ᠂ ᠭᠤᠤᠯᠳᠠᠯᠭ᠎ᠠ ᠲᠠᠢ ᠳᠦᠷᠦᠯ ᠵᠦᠢᠯ ᠤᠨ ᠪᠡᠯᠡ ᠤᠷᠤᠭᠤᠯᠤᠯᠳᠠ ᠶᠢᠨ | ᠨᠡᠮᠡᠭᠳᠡᠯ ᠤᠨ ᠬᠤᠷᠳᠤᠴᠠ ᠶᠢ ᠳᠤᠭᠳᠠᠮᠠᠯ ᠬᠦᠷᠦᠩᠬᠡ ᠶᠢᠨ ᠪᠡᠯᠡ ᠤᠷᠤᠭᠤᠯᠤᠯᠳᠠ ᠶᠢᠨ ᠨᠡᠮᠡᠭᠳᠡᠯ ᠤᠨ ᠬᠤᠷᠳᠤᠴᠠ | ᠠᠴᠠ ᠳᠦᠷᠬᠡᠨ ᠪᠠᠶᠢᠯᠭᠠᠬᠤ᠂ ᠦᠢᠯᠡᠳᠪᠦᠷᠢᠯᠡᠯ ᠤᠨ ᠴᠢᠨᠠᠷᠳᠠᠢ ᠪᠡᠯᠡ ᠤᠷᠤᠭᠤᠯᠤᠯᠳᠠ ᠨᠢ ᠰᠠᠭᠤᠷᠢ ᠴᠢᠨᠠᠷᠳᠠᠢ | ᠪᠡᠯᠡ ᠤᠷᠤᠭᠤᠯᠤᠯᠳᠠ ᠠᠴᠠ ᠰᠠᠶᠢᠨ ᠪᠠᠶᠢᠬᠤ᠂ ᠪᠡᠯᠡ ᠤᠷᠤᠭᠤᠯᠤᠯᠳᠠ ᠠᠴᠠ ᠳᠤᠭᠳᠠᠭᠤᠨ ᠨᠡᠮᠡᠭᠳᠡᠯ ᠢ | ᠲᠤᠯᠭᠠᠭᠤᠷᠢᠯᠠᠬᠤ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ | ︵ᠨᠢᠬᠡ︶ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠳᠤᠪᠤᠶᠢᠯᠭᠠᠨ᠎ᠠ᠃ ᠳᠦᠷᠦᠯ | ᠵᠦᠢᠯ ᠤᠨ ᠬᠦᠳᠡᠯᠬᠡᠬᠦᠷ ᠤᠨ ᠪᠠᠶᠢᠷᠢ ᠰᠠᠭᠤᠷᠢ ᠶᠢ ᠴᠢᠩᠭᠠᠳᠬᠠᠨ᠂ ᠳᠤᠮᠤ ᠳᠦᠷᠦᠯ ᠵᠦᠢᠯ᠂ ᠰᠠᠶᠢᠨ ᠳᠦᠷᠦᠯ | ᠵᠦᠢᠯ ᠢᠶᠠᠷ ᠪᠡᠯᠡ ᠤᠷᠤᠭᠤᠯᠤᠯᠳᠠ ᠶᠢ ᠠᠬᠢᠭᠤᠯᠵᠣ᠂ ᠨᠡᠮᠡᠭᠳᠡᠯ ᠢ ᠳᠤᠭᠳᠠᠪᠤᠷᠢᠵᠢᠭᠤᠯᠤᠨ᠂ ᠠᠷᠠᠳ ᠲᠤ ᠠᠰᠢᠭ | ᠬᠦᠷᠳᠡᠭᠡᠨ᠎ᠠ᠃ 90 ᠭᠤᠣᠯᠳᠠᠯᠭ᠎ᠠ ᠲᠠᠢ ᠲᠥᠷᠦᠯ ᠵᠦᠢᠯ ᠢ ᠬᠡᠷᠡᠭᠵᠢᠭᠦᠯᠬᠦ ᠪᠠᠷ ᠲᠦᠯᠦᠪᠯᠡᠵᠤ᠂ ᠶᠡᠷᠥᠩᠬᠡᠢ ᠪᠡᠯᠡ | ᠤᠷᠤᠭᠤᠯᠤᠯᠳᠡ ᠨᠢ 568 ᠳ᠋ᠦᠡᠭᠰᠢᠭᠤᠷ ᠲᠦᠬᠦᠷᠢᠭ ᠪᠠᠶᠢᠵᠤ᠂ ᠵᠢᠯ ᠳᠤ140 ᠳ᠋ᠥᠡᠭᠰᠢᠭᠤᠷ ᠲᠥᠭᠦᠷᠢᠭ ᠪᠠᠯᠡ | ᠤᠷᠤᠭᠤᠯᠬᠤ ᠪᠠᠷ ᠲᠥᠯᠦᠪᠯᠡᠵᠤ ᠪᠤᠢ᠃ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ | ᠬᠦᠴᠦ ᠳᠠᠯᠪᠢᠨ ᠠᠬᠢᠭᠤᠯᠵᠤ᠂ 13 ᠢᠨᠵᠧᠨᠧᠷᠢᠩ ᠢ ᠳᠤᠭᠳᠠᠭᠰᠠᠨ ᠬᠤᠭᠤᠴᠠᠭᠠᠨ ᠳᠠᠭᠠᠨ ᠳᠠᠭᠤᠰᠬᠠᠵᠤ᠂ | ᠦᠪᠡᠷᠳᠡᠬᠡᠨ ᠵᠠᠰᠠᠬᠤ ᠤᠷᠤᠨ ᠤ 70 ᠵᠢᠯ ᠤᠨ ᠤᠢ ᠳᠤ ᠪᠡᠯᠡᠭ ᠪᠤᠯᠭᠠᠨ ᠳᠡᠪᠰᠢᠭᠦᠯᠦᠨ᠎ᠠ᠃ ᠡᠪᠦᠯ ᠤᠨ ᠤᠯᠠᠷᠢᠯ | ᠤᠨ ᠪᠠᠷᠢᠯᠭ᠎ᠠ ᠶᠢᠨ ᠠᠵᠢᠯ ᠵᠤᠭᠰᠤᠬᠤ ᠴᠠᠭ ᠢ ᠬᠦᠢᠴᠡᠳ ᠠᠰᠢᠭᠯᠠᠨ᠂ ᠳᠦᠷᠦᠯ ᠵᠦᠢᠯ ᠤᠨ ᠭᠠᠷ ᠬᠦᠢᠴᠡᠳᠬᠡᠯ | ᠬᠢᠬᠦ ᠪᠠ ᠪᠠᠷᠢᠯᠭ᠎ᠠ ᠶᠢᠨ ᠠᠵᠢᠯ ᠤᠨ ᠵᠤᠬᠢᠶᠠᠨ ᠪᠠᠶᠢᠭᠤᠯᠤᠯᠳᠠ ᠶᠢᠨ ᠪᠡᠯᠡᠳᠬᠡᠯ ᠠᠵᠢᠯ ᠢ ᠳᠦᠷᠬᠡᠳᠬᠡᠵᠤ᠂ | ᠡᠷᠳᠡᠬᠡᠨ ᠠᠵᠢᠯ ᠢᠶᠠᠨ ᠡᠬᠢᠯᠡᠭᠦᠯᠦᠨ᠎ᠡ᠃ ᠤᠳᠤᠷᠢᠳᠤᠯᠭ᠎ᠠ ᠠᠴᠠ ᠲᠠᠭᠠᠭᠠᠨ ᠬᠠᠷᠢᠭᠤᠴᠠᠬᠤ ᠪᠠ ᠬᠠᠮᠲᠣᠷᠠᠯᠴᠠᠨ | ᠬᠠᠷᠢᠭᠤᠴᠠᠬᠤ ᠬᠤᠷᠠᠯ ᠤᠨ ᠳᠦᠷᠢᠮ ᠢ ᠪᠠᠷᠢᠮᠳᠠᠯᠠᠵᠤ᠂ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠳᠤᠮᠳᠠᠬᠢ | ᠴᠢᠬᠤᠯᠠ ᠶᠡᠭᠡ ᠠᠰᠠᠭᠤᠳᠠᠯ ᠢ ᠵᠤᠬᠢᠴᠠᠭᠤᠯᠤᠨᠡ᠃ ᠳᠦᠷᠦᠯ ᠵᠦᠢᠯ ᠤᠨ ᠮᠥᠷᠳᠡᠨ ᠦᠢᠯᠡᠴᠢᠯᠡᠭᠦ᠂ | ᠬᠠᠷᠢᠭᠤᠴᠠᠯᠭ᠎ᠠ ᠶᠢ ᠳᠤᠳᠤᠷᠬᠠᠶᠢᠯᠠᠬᠤ᠂ ᠠᠵᠢᠯ ᠤᠨ ᠬᠤᠭᠤᠴᠠᠭ᠎ᠠ ᠶᠢ ᠲᠥᠯᠦᠪᠯᠡᠨ ᠵᠢᠭᠰᠠᠭᠠᠬᠤ᠂ ᠦᠷᠭᠦᠯᠵᠢᠯᠡᠨ | ᠠᠬᠢᠭᠤᠯᠬᠤ ᠶᠢ ᠴᠢᠩᠭᠠᠳᠬᠠᠵᠤ᠂ ᠪᠡᠯᠡ ᠤᠷᠤᠭᠤᠯᠤᠯᠳᠠ ᠶᠢᠨ ᠬᠦᠴᠦᠯᠡᠴᠡ ᠪᠠ ᠪᠦᠳᠦᠬᠡᠨ ᠪᠠᠶᠢᠭᠤᠯᠤᠯᠳᠠ ᠶᠢᠨ | ᠠᠬᠢᠴᠠ ᠶᠢ ᠪᠠᠳᠤᠯᠠᠨ᠎ᠠ᠃ | ︵ᠬᠤᠶᠠᠷ︶ ᠳᠦᠷᠦᠯ ᠵᠦᠢᠯ ᠤᠨ ᠬᠦᠮᠦᠷᠭᠡ ᠶᠢᠨ ᠪᠠᠶᠢᠭᠤᠯᠤᠯᠳᠡ ᠶᠢ ᠴᠢᠩᠭᠠᠳᠬᠠᠨ᠎ᠠ᠃ 28 ᠭᠤᠤᠯᠳᠠᠯᠭ᠎ᠠ ᠲᠠᠢ | ᠳᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ ᠬᠦᠴᠦᠯᠡᠨ ᠠᠬᠢᠭᠤᠯᠵᠤ᠂ ᠤᠯᠤᠰ ᠦᠪᠡᠷᠳᠡᠬᠡᠨ | ᠵᠠᠰᠠᠬᠤ ᠤᠷᠤᠨ ᠤ ᠳᠦᠯᠦᠪᠵᠢᠬᠦᠯᠬᠡ ᠳᠤ ᠵᠢᠭᠰᠠᠭᠠᠭᠳᠠᠭᠰᠠᠨ ᠳᠦᠷᠦᠯ ᠵᠦᠢᠯ ᠢ ᠢᠳᠡᠪᠬᠢᠳᠡᠢ ᠮᠥᠷᠳᠡᠨ | ᠨᠠᠶᠢᠳᠠᠪᠤᠷᠢᠵᠢᠭᠤᠯᠤᠨ᠂ ᠨᠢᠬᠡ ᠳᠦᠷᠦᠯ ᠵᠦᠢᠯ ᠤᠨ ᠨᠦᠬᠦᠴᠡᠯ ᠨᠢ ᠪᠦᠷᠢᠳᠦᠪᠡᠯ ᠳᠡᠷᠡ ᠳᠠᠷᠤᠢ ᠠᠵᠢᠯ ᠡᠬᠢᠯᠡᠬᠦᠯᠵᠤ | ᠪᠦᠳᠦᠬᠡᠨ ᠪᠠᠶᠢᠭᠤᠯᠬᠤ ᠪᠠᠷ ᠴᠢᠷᠮᠠᠶᠢᠨ᠎ᠠ᠃ ᠤᠯᠤᠰ ᠠᠴᠠ ᠪᠠᠷᠠᠭᠤᠨ ᠬᠤᠶᠢᠳᠤ ᠤᠷᠤᠨ ᠤ ᠬᠦᠭᠵᠢᠯᠳᠡ ᠶᠢ | ᠳᠡᠮᠵᠢᠬᠦ ᠳᠦᠷᠦ ᠶᠢᠨ ᠪᠤᠳᠤᠯᠭ᠎ᠠ ᠠᠴᠠ ᠤᠨᠤᠪᠴᠢᠲᠠᠢ ᠠᠳᠬᠤᠵᠣ᠂ ᠳᠦᠷᠦᠯ ᠵᠦᠢᠯ ᠤᠨ ᠡᠬᠢᠨ ᠤ ᠬᠤᠭᠤᠴᠠᠭᠠᠨ | ᠤ ᠠᠵᠢᠯ ᠢ ᠰᠠᠶᠢᠳᠤᠷ ᠬᠢᠵᠤ᠂ ᠰᠠᠭᠤᠷᠢ ᠳᠦᠬᠦᠬᠡᠷᠦᠮᠵᠢ᠂ ᠪᠦᠳᠦᠴᠡ ᠶᠢᠨ ᠳᠤᠬᠢᠷᠠᠭᠤᠯᠤᠯᠳᠠ᠂ ᠠᠮᠢ ᠠᠬᠤᠢ | ᠶᠢᠨ ᠵᠠᠰᠠᠯᠳᠡ ᠪᠠ ᠠᠷᠠᠳ ᠣᠨᠠᠮᠢᠳᠤᠷᠠᠯ ᠵᠡᠷᠬᠡ ᠲᠦᠷᠦᠯ ᠵᠦᠢᠯ ᠤᠨ ᠲᠠᠯ᠎ᠠ ᠪᠠᠷ ᠳᠡᠬᠡᠳᠤ ᠱᠠᠳᠤᠨ ᠤ ᠳᠡᠮᠵᠢᠯᠡᠭᠡ ᠶᠢ | ᠢᠯᠡᠭᠦᠬᠡᠨ ᠴᠢᠷᠮᠠᠶᠢᠨ ᠤᠯᠤᠨ᠎ᠠ᠃ ᠠᠷᠠᠯᠵᠢᠶᠠᠴᠢᠨ ᠤᠷᠢᠬᠤ ᠬᠡᠪᠴᠢᠶ᠎ᠠ ᠪᠠᠨ ᠦᠷᠬᠡᠳᠬᠡᠵᠤ᠂ ᠠᠷᠠᠯᠵᠢᠶᠠᠴᠢᠨ ᠢᠶᠠᠷ | ᠠᠷᠠᠯᠵᠢᠶᠠᠴᠢᠨ ᠤᠷᠢᠬᠤ᠂ ᠠᠷᠠᠯᠵᠢᠶᠠᠴᠢᠨ ᠢ ᠤᠨᠤᠪᠴᠢᠲᠠᠢ ᠤᠷᠢᠬᠤ᠂ ᠪᠠᠶᠠᠷ ᠨᠠᠭᠠᠳᠤᠮ ᠬᠤᠷᠠᠯ ᠴᠤᠭᠯᠠᠭᠠᠨ ᠢᠶᠠᠷ | ᠠᠷᠠᠯᠵᠢᠶᠠᠴᠢᠨ ᠤᠷᠢᠬᠤ ᠶᠢ ᠴᠢᠩᠭᠠᠳᠬᠠᠵᠤ᠂ ᠳᠦᠷᠦᠯ ᠵᠦᠢᠯ ᠤᠨ ᠳᠤᠭ᠎ᠠ ᠬᠡᠮᠵᠢᠶ᠎ᠡ᠂ ᠪᠡᠯᠡ ᠮᠦᠩᠬᠦ᠂ ᠪᠡᠯᠡ | ᠤᠷᠤᠭᠤᠯᠤᠯᠳᠠ ᠶᠢᠨ ᠦᠷᠬᠦᠯᠵᠢᠯᠡᠨ ᠨᠡᠮᠡᠭᠳᠡᠬᠦ ᠶᠢ ᠪᠠᠳᠤᠯᠠᠵᠤ᠂ ᠳᠦᠷᠦᠯ ᠵᠦᠢᠯ ᠤᠨ ᠠᠵᠢᠯ ᠡᠬᠢᠯᠡᠬᠦᠯᠬᠦ ᠨᠤᠷᠮ᠎ᠠ᠂ | ᠪᠡᠯᠡ ᠮᠦᠩᠬᠦ ᠶᠢᠨ ᠨᠠᠶᠢᠳᠠᠪᠤᠷᠢᠵᠢᠭᠤᠯᠤᠯᠳᠡ ᠶᠢᠨ ᠬᠤᠤᠰ ᠨᠡᠮᠡᠭᠳᠡᠯ ᠢ ᠪᠡᠶᠡᠯᠡᠬᠦᠯᠦᠨ᠎ᠡ᠃ ᠵᠠᠰᠠᠭ ᠤᠨ ᠤᠷᠳᠤᠨ | ᠪᠠ ᠨᠡᠶᠢᠬᠡᠮ ᠤᠨ ᠬᠦᠷᠦᠩᠬᠡ ᠶᠢᠨ ᠬᠠᠮᠳᠤᠷᠠᠨ ᠠᠵᠢᠯᠯᠠᠬᠤ ᠶᠢ ᠴᠢᠩᠭᠠᠳᠬᠠᠵᠤ᠂ PPP ᠳᠦᠷᠦᠯ ᠵᠦᠢᠯ ᠢ | ᠶᠡᠬᠡᠪᠡᠷ ᠳᠡᠯᠬᠡᠷᠡᠬᠦᠯᠵᠤ᠂ ᠨᠡᠶᠢᠬᠡᠮ ᠤᠨ ᠬᠦᠷᠦᠩᠬᠡ ᠶᠢᠨ ᠰᠠᠭᠤᠷᠢ ᠠᠵᠤ ᠦᠢᠯᠡᠰ᠂ ᠰᠠᠭᠤᠷᠢ ᠳᠦᠬᠦᠬᠡᠷᠦᠮᠵᠢ | ᠵᠡᠷᠬᠡ ᠬᠦᠷᠢᠶ᠎ᠡ ᠴᠠᠷ᠎ᠠ ᠶᠢᠨ ᠪᠦᠳᠦᠬᠡᠨ ᠪᠠᠶᠢᠭᠤᠯᠤᠯᠳᠠ ᠳᠤ ᠤᠷᠤᠯᠴᠠᠬᠤ ᠶᠢ ᠳᠠᠶᠢᠴᠢᠯᠠᠨ᠎ᠠ᠃ | ︵ᠭᠤᠷᠪᠠ︶ ᠴᠢᠬᠤᠯᠠ ᠡᠯᠧᠮᠧᠨ᠋ᠲ ᠪᠠᠷ ᠳᠤᠯᠭᠠᠭᠤᠷᠢ ᠪᠤᠯᠭᠠᠬᠤ ᠶᠢ ᠴᠢᠩᠭᠠᠳᠬᠠᠨ᠎ᠠ᠃ ᠡᠯ᠎ᠡ ᠳᠦᠷᠦᠯ ᠤᠨ | ᠤᠯᠤᠰ ᠤᠨ ᠦᠮᠴᠢᠯᠡᠯᠳᠤ ᠡᠬᠢ ᠪᠠᠶᠠᠯᠢᠭ ᠢ ᠨᠢᠬᠡᠳᠬᠡᠨ᠂ ᠮᠦᠩᠬᠦᠨ ᠬᠦᠢᠯᠬᠡᠬᠡᠨ ᠤ ᠪᠠᠭᠠᠵᠢ ᠶᠢ ᠰᠠᠶᠢᠳᠤᠷ | ᠠᠰᠢᠭᠯᠠᠵᠤ᠂ ᠡᠬᠢ ᠪᠠᠶᠠᠯᠢᠭ ᠢ ᠬᠦᠷᠦᠩᠭᠡᠵᠢᠭᠦᠯᠬᠦ᠂ ᠡᠳ᠋ ᠬᠦᠷᠦᠩᠬᠡ ᠶᠢᠨ ᠦᠨᠡᠳᠤ ᠲᠡᠮᠳᠡᠭ ᠪᠤᠯᠭᠠᠬᠤ ᠶᠢ | ᠠᠬᠢᠭᠤᠯᠤᠨ᠂ ᠤᠯᠤᠰ ᠤᠨ ᠦᠮᠴᠢᠯᠡᠯᠳᠤ ᠡᠳ᠋ ᠬᠦᠷᠦᠩᠬᠡ ᠶᠢ ᠠᠮᠢᠳᠤᠯᠢᠭ ᠪᠤᠯᠭᠠᠨ᠎ᠠ᠃ ᠨᠦᠬᠦᠴᠡᠯ ᠳᠤ | ᠨᠡᠶᠢᠴᠡᠭᠰᠡᠨ ᠭᠤᠤᠯᠳᠠᠯᠭ᠎ᠠ ᠲᠠᠢ ᠳᠦᠷᠦᠯ ᠵᠦᠢᠯ ᠢ ᠲᠡᠮᠵᠢᠵᠤ᠂ ᠠᠮᠢ ᠠᠬᠤᠢ ᠶᠢᠨ ᠲᠦᠷᠦᠯ ᠵᠦᠢᠯ ᠤᠨ ᠵᠢᠬᠡᠯᠡᠯᠬᠡ | ᠶᠢᠨ ᠳᠡᠮᠳᠡᠭ᠂ ᠳᠤᠮᠳᠠ ᠤᠬᠤᠷ ᠬᠤᠭᠤᠴᠠᠭᠠᠨ ᠤ ᠪᠡᠯᠡ ᠮᠦᠩᠬᠦ ᠵᠢᠬᠡᠯᠡᠯᠬᠡ ᠶᠢᠨ ᠲᠡᠮᠳᠡᠭ ᠢ ᠬᠤᠷᠠᠮᠳᠤᠭᠤᠯᠬᠤ᠂ | ᠠᠵᠤ ᠦᠢᠯᠡᠰ ᠤᠨ ᠰᠠᠭᠤᠷᠢ ᠮᠦᠩᠬᠦ ᠶᠢ ᠪᠠᠶᠢᠭᠤᠯᠬᠤ ᠵᠡᠷᠬᠡ ᠬᠡᠯᠪᠡᠷᠢ ᠪᠠᠷ ᠪᠡᠯᠡ ᠮᠦᠩᠬᠦ ᠬᠤᠷᠠᠮᠳᠤᠭᠤᠯᠬᠤ ᠶᠢ | ᠳᠡᠮᠵᠢᠵᠤ᠂ ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢᠨ ᠪᠡᠯᠡ ᠮᠦᠩᠬᠦᠨ ᠤ | ᠬᠡᠷᠡᠭᠴᠡᠭᠡ ᠶᠢ ᠪᠠᠳᠤᠯᠠᠨ᠎ᠠ᠃ ᠭᠠᠵᠠᠷ ᠱᠢᠷᠦᠢ ᠶᠢ ᠬᠤᠷᠢᠶᠠᠨ ᠬᠠᠳᠠᠭᠠᠯᠠᠬᠤ ᠪᠠ ᠤᠯᠤᠰ ᠤᠨ ᠪᠦᠳᠦᠬᠡᠨ | ᠪᠠᠶᠢᠭᠤᠯᠤᠯᠳᠠ ᠳᠤ ᠬᠡᠷᠡᠭᠰᠡᠬᠦ ᠭᠠᠵᠠᠷ ᠤᠨ ᠠᠰᠢᠭᠯᠠᠯᠳᠠ ᠶᠢᠨ ᠡᠷᠬᠡ ᠳᠤ ᠳᠠᠭᠠᠭᠠᠴᠢᠯᠠᠯᠳᠠ ᠵᠠᠷᠯᠠᠬᠤ᠂ ᠦᠨ᠎ᠡ | ᠬᠠᠶᠠᠯᠴᠠᠨ ᠬᠤᠳᠠᠯᠳᠤᠬᠤ᠂ ᠫᠠᠶᠢᠰᠠ ᠡᠯᠬᠦᠬᠦ ᠬᠦᠴᠦᠯᠡᠴᠡ ᠪᠠᠨ ᠨᠡᠮᠡᠭᠳᠡᠬᠦᠯᠵᠤ᠂ ᠭᠤᠤᠯᠳᠠᠯᠭ᠎ᠠ ᠲᠠᠢ ᠪᠦᠳᠦᠬᠡᠨ | ᠪᠠᠶᠢᠭᠤᠯᠤᠯᠳᠠ ᠶᠢᠨ ᠳᠦᠷᠦᠯ ᠵᠦᠢᠯ ᠤᠨ ᠭᠠᠵᠠᠷ ᠬᠡᠷᠡᠭᠯᠡᠭᠦ ᠬᠡᠷᠡᠭᠴᠡᠭᠡ ᠶᠢ ᠪᠠᠳᠤᠯᠠᠨ᠎ᠠ᠃ ᠤᠯᠤᠰ ᠤᠨ | ᠳᠤᠳᠤᠭᠠᠳᠤ ᠶᠢᠨ ᠨᠡᠷᠡᠳᠤ ᠮᠡᠷᠬᠡᠵᠢᠯᠳᠡᠨ ᠢ ᠤᠷᠢᠵᠤ᠂ ᠳᠡᠬᠡᠳᠤ ᠳᠡᠰ ᠤᠨ ᠮᠦᠩᠬᠦᠨ ᠬᠦᠢᠯᠬᠡᠬᠡᠨ ᠤ | ᠪᠦᠲᠦᠴᠡ ᠶᠢ ᠪᠠᠶᠢᠭᠤᠯᠤᠨ᠂ ᠪᠡᠯᠡ ᠤᠷᠤᠭᠤᠯᠬᠤ ᠠᠷᠭ᠎ᠠ ᠵᠠᠮ ᠪᠠ ᠬᠡᠪᠴᠢᠶ᠎ᠠ ᠪᠠᠨ ᠪᠦᠳᠦᠮᠵᠢᠳᠡᠢ ᠦᠷᠬᠡᠳᠬᠡᠵᠤ᠂ | ᠭᠤᠤᠯᠳᠠᠯᠭ᠎ᠠ ᠲᠠᠢ ᠳᠦᠷᠦᠯ ᠵᠦᠢᠯ ᠤᠨ ᠪᠦᠳᠦᠬᠡᠨ ᠪᠠᠶᠢᠭᠤᠯᠤᠯᠳᠠ ᠶᠢ ᠳᠡᠮᠵᠢᠵᠤ᠂ ᠦᠷᠢ ᠪᠠ ᠮᠦᠩᠬᠦᠨ | ᠬᠦᠢᠯᠬᠡᠬᠡᠨ ᠤ ᠳᠦᠭᠰᠢᠬᠦᠷᠢ ᠶᠢ ᠴᠢᠩᠭ᠎ᠠ ᠰᠡᠷᠬᠡᠶᠢᠯᠡᠨ ᠡᠵᠡᠮᠰᠢᠨ᠎ᠡ᠃ | ᠬᠤᠶᠠᠷ᠂ ᠬᠡᠯᠪᠡᠷᠢ ᠪᠠᠨ ᠦᠬᠡᠷᠡᠴᠢᠯᠡᠵᠤ ᠳᠡᠰ ᠳᠡᠪᠰᠢᠬᠦ ᠶᠢ ᠬᠦᠴᠦᠳᠡᠢ ᠠᠬᠢᠭᠤᠯᠵᠤ᠂ ᠠᠵᠤ ᠠᠬᠤᠢ ᠶᠢᠨ | ᠬᠦᠭᠵᠢᠯᠳᠡ ᠶᠢᠨ ᠨᠥᠭᠡᠴᠡ ᠬᠦᠴᠦᠨ ᠢ ᠨᠡᠮᠡᠭᠳᠡᠬᠦᠯᠦᠨ᠎ᠡ | ᠬᠦᠭᠵᠢᠯᠳᠡ ᠶᠢᠨ ᠰᠠᠭᠤᠷᠢ ᠱᠣᠭᠤᠮ ᠢ ᠴᠢᠩᠭ᠎ᠠ ᠪᠠᠷᠢᠮᠳᠠᠯᠠᠵᠤ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ | ᠶᠢᠨ ᠴᠢᠨᠠᠷᠳᠠᠢ ᠦᠬᠡᠷᠡᠴᠢᠯᠡᠯᠳᠡ ᠶᠢ ᠬᠦᠨᠵᠡᠬᠡᠶᠢᠷᠡᠬᠦᠯᠵᠤ᠂ ᠠᠵᠤ ᠦᠢᠯᠡᠰ ᠤᠨ ᠬᠡᠯᠪᠡᠷᠢ ᠪᠠᠨ ᠦᠬᠡᠷᠡᠴᠢᠯᠡᠨ ᠳᠡᠰ | ᠳᠡᠪᠰᠢᠬᠦ ᠶᠢ ᠪᠦᠬᠦ ᠬᠦᠴᠦ ᠪᠠᠷ ᠠᠬᠢᠭᠤᠯᠤᠨ᠂ ᠠᠵᠤ ᠠᠬᠤᠢ ᠶᠢᠨ ᠣᠶᠠᠯᠳᠣᠨ ᠬᠥᠭᠵᠢᠬᠦ ᠪᠠ ᠨᠡᠮᠡᠭᠳᠡᠯ ᠤᠨ | ᠬᠡᠯᠪᠡᠷᠢ ᠪᠠᠨ ᠳᠦᠷᠬᠡᠳᠬᠡᠨ ᠬᠤᠪᠢᠷᠠᠭᠤᠯᠵᠤ᠂ ᠠᠵᠤ ᠠᠬᠤᠢ ᠶᠢᠨ ᠬᠦᠭᠵᠢᠯᠳᠡ ᠶᠢᠨ ᠴᠢᠨᠠᠷ ᠴᠢᠨᠰᠠᠭ᠎ᠠ᠂ ᠦᠷ᠎ᠡ | ᠠᠰᠢᠭ ᠢ ᠵᠡᠷᠭᠡᠪᠡᠷ ᠳᠡᠭᠡᠭᠰᠢᠯᠡᠬᠦ ᠶᠢ ᠠᠬᠢᠭᠤᠯᠤᠨ᠎ᠠ᠃ | ︵ᠨᠢᠬᠡ︶ ᠳᠠᠷᠢᠶᠠᠯᠠᠩ ᠮᠠᠯ ᠠᠵᠤ ᠠᠬᠤᠢ ᠶᠢᠨ ᠪᠤᠬᠢᠷᠳᠤᠯ ᠦᠬᠡᠢ ᠪᠠ ᠤᠳᠤᠬᠢᠴᠢᠯᠠᠬᠤ ᠶᠢ ᠳᠦᠯᠬᠢᠨ | ᠠᠬᠢᠭᠤᠯᠤᠨ᠎ᠠ᠃ ︽ᠠᠮᠤ ᠪᠣᠳᠠᠭᠠᠨ ᠤ ᠳᠠᠷᠢᠮᠠᠯ ᠢ ᠪᠠᠭᠠᠰᠬᠠᠵᠤ᠂ ᠠᠵᠤ ᠠᠬᠤᠢ ᠶᠢᠨ ᠳᠠᠷᠢᠮᠠᠯ ᠢ ᠦᠷᠬᠡᠳᠬᠡᠨ᠂ | ᠡᠪᠡᠰᠦ ᠪᠣᠷᠳᠤᠭ᠎ᠠ ᠶᠢ ᠨᠡᠮᠡᠭᠳᠡᠬᠦᠯᠵᠤ᠂ ᠵᠢᠮᠢᠰ ᠳᠠᠷᠢᠨ᠂ ᠮᠠᠯ ᠳᠡᠵᠢᠬᠡᠬᠦ︾ ᠶᠢ ᠪᠠᠷᠢᠮᠳᠠᠯᠠᠵᠤ᠂ ᠳᠠᠷᠢᠶᠠᠯᠠᠩ ᠮᠠᠯ | ᠠᠵᠤ ᠠᠬᠤᠢ ᠶᠢᠨ ᠦᠢᠯᠡᠳᠪᠦᠷᠢᠯᠡᠯ ᠤᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠳᠠᠷᠢᠮᠠᠯ ᠤᠨ | ᠪᠦᠳᠦᠬᠡᠭᠳᠡᠬᠦᠨ ᠤ ᠶᠡᠷᠦᠩᠬᠡᠢ ᠳᠠᠯᠠᠪᠠᠢ ᠶᠢ 28 ᠳᠦᠮᠡᠨ ᠮᠤ᠋ ᠳᠤᠳᠤᠷ᠎ᠠ ᠬᠢᠵᠠᠭᠠᠷᠯᠠᠵᠤ᠂ ᠠᠮᠤ ᠪᠤᠳᠠᠭᠠᠨ ᠤ | ᠳᠠᠷᠢᠮᠠᠯ ᠢ 1.9 ᠳᠦᠮᠡᠨ ᠮᠤ᠋ ᠪᠠᠭᠠᠰᠬᠠᠵᠤ᠂ ᠠᠵᠤ ᠠᠬᠤᠢ ᠶᠢᠨ ᠳᠠᠷᠢᠮᠠᠯ ᠪᠠ ᠰᠢᠯᠢᠳᠡᠭ ᠪᠡᠯᠴᠢᠬᠡᠷ ᠤᠨ ᠡᠪᠡᠰᠦᠨ | ᠤ ᠳᠠᠷᠢᠬᠤ ᠬᠡᠪᠴᠢᠶ᠎ᠡ ᠪᠠᠨ ᠦᠷᠬᠡᠳᠬᠡᠵᠤ᠂ ᠠᠮᠤ ᠪᠤᠳᠠᠭ᠎ᠠ᠂ ᠠᠵᠤ ᠠᠬᠤᠢ ᠶᠢᠨ ᠳᠠᠷᠢᠮᠠᠯ᠂ ᠡᠪᠡᠰᠦ ᠪᠤᠷᠳᠤᠭᠠᠨ | ᠤ ᠪᠦᠲᠦᠴᠡ ᠶᠢ 5.6:3.6:0.8 ᠪᠤᠯᠭᠠᠨ ᠲᠤᠬᠢᠷᠠᠭᠤᠯᠤᠨ᠎ᠠ᠃ 18.4 ᠳᠦᠮᠡᠨ ᠮᠤ᠋ ᠭᠠᠵᠠᠷ ᠲᠤ ᠭᠠᠮᠲᠠᠢ | ᠤᠰᠤᠯᠠᠯᠳᠠ ᠶᠢ ᠬᠡᠷᠡᠭᠵᠢᠬᠦᠯᠵᠤ ᠨᠤᠳᠤᠭ ᠪᠡᠯᠴᠢᠬᠡᠷ ᠤᠨ ᠮᠠᠯ ᠠᠵᠤ ᠠᠬᠤᠢ ᠶᠢ ᠵᠦᠢ ᠵᠤᠬᠢᠰᠳᠠᠢ ᠬᠦᠭᠵᠢᠬᠦᠯᠵᠤ᠂ | ᠲᠡᠭᠡᠳᠦ ᠳᠡᠰ ᠤᠨ ᠨᠣᠣᠯᠣᠷ ᠤᠨ ᠴᠠᠭᠠᠨ ᠢᠮᠠᠭᠠᠨ ᠤ ᠨᠠᠷᠢᠯᠢᠭᠴᠠ ᠶᠢᠨ ᠬᠡᠮᠵᠢᠶᠡᠨ ᠤ 18 ᠭᠤᠤᠯ ᠰᠦᠷᠦᠭ᠂ | ᠢᠩᠬᠡᠨ ᠰᠦᠨ ᠤ 2 ᠵᠢᠱᠢᠶ᠎ᠡ ᠦᠵᠡᠬᠦᠯᠬᠦ ᠰᠠᠭᠤᠷᠢᠨ ᠢ ᠰᠢᠨ᠎ᠡ ᠪᠠᠷ ᠪᠠᠶᠢᠭᠤᠯᠤᠨ᠎ᠠ᠃ ᠳᠠᠷᠢᠶᠠᠯᠠᠬᠤ ᠤᠷᠤᠨ ᠤ | ᠳᠡᠵᠢᠬᠡᠨ ᠦᠷᠡᠵᠢᠬᠦᠯᠬᠦ ᠦᠢᠯᠡᠰ ᠢ ᠶᠡᠭᠡ ᠬᠦᠴᠦ ᠪᠠᠷ ᠬᠦᠭᠵᠢᠬᠦᠯᠵᠤ᠂ ᠬᠡᠪᠴᠢᠶ᠎ᠡ ᠪᠠᠨ 68 ᠳᠦᠮᠡᠨ ᠳᠤᠭ᠎ᠠ | ᠳᠤᠯᠤᠭᠠᠢ ᠳᠤ ᠬᠦᠷᠬᠡᠬᠦ ᠪᠠᠷ ᠴᠢᠷᠮᠠᠶᠢᠨ᠎ᠠ᠃ ᠣᠬᠢ ᠰᠢᠯᠢᠳᠡᠭ ᠤᠢ ᠵᠢᠮᠢᠰ ᠢ 1000 ᠮᠤ᠋ ᠳᠠᠷᠢᠵᠤ᠂ 10 ᠳᠦᠮᠡᠨ | ᠮᠤ᠋ ᠳᠤᠰᠤᠯᠢᠭ ᠴᠠᠭᠠᠨ ᠭᠤᠶᠤᠤ᠂ 5 ᠳᠦᠮᠡᠨ ᠮᠤ᠋ ᠤᠯᠠᠭᠠᠨ ᠭᠤᠶᠤᠤ ᠳᠠᠷᠢᠨᠡ᠃ ᠠᠵᠤ ᠦᠢᠯᠡᠰᠵᠢᠯᠳᠡ ᠶᠢᠨ | ᠠᠬᠢᠴᠠ ᠶᠢ ᠳᠦᠷᠬᠡᠳᠬᠡᠨ᠂ ᠳᠠᠷᠢᠶᠠᠯᠠᠩ ᠮᠠᠯ ᠠᠵᠤ ᠠᠬᠤᠢ ᠶᠢᠨ ᠴᠢᠨᠠᠷ ᠴᠢᠨᠰᠠᠭ᠎ᠠ ᠢᠶᠠᠨ ᠳᠡᠬᠡᠭᠰᠢᠯᠡᠬᠦᠯᠵᠤ ᠦᠷ᠎ᠡ | ᠠᠰᠢᠭ ᠢᠶᠠᠨ ᠨᠡᠮᠡᠭᠳᠡᠬᠦᠯᠬᠦ ᠶᠢ ᠠᠬᠢᠭᠤᠯᠤᠨ᠎ᠠ᠃ ᠳᠠᠷᠢᠶᠠᠯᠠᠩ ᠮᠠᠯ ᠠᠵᠤ ᠠᠬᠤᠢ ᠶᠢᠨ ᠦᠷᠬᠦᠯᠵᠢᠯᠡᠨ | ᠬᠦᠭᠵᠢᠬᠦᠶᠢᠴᠡ 4 ᠵᠢᠱᠢᠶ᠎ᠡ ᠦᠵᠡᠬᠦᠯᠬᠦ ᠳᠤᠭᠤᠷᠢᠭ ᠢ ᠪᠦᠳᠦᠬᠡᠨ ᠪᠠᠶᠢᠭᠤᠯᠤᠨ᠎ᠠ᠃ ᠠᠯᠠᠰᠢᠨ ᠮᠠᠯ ᠢ ᠳᠡᠵᠢᠬᠡᠨ | ᠦᠷᠡᠵᠢᠬᠦᠯᠬᠦ᠂ ᠪᠤᠯᠪᠠᠰᠤᠷᠠᠭᠤᠯᠬᠤ᠂ ᠪᠤᠷᠤᠯᠠᠭᠤᠯᠬᠤ ᠳᠤᠯᠤᠭᠠᠶᠢᠯᠠᠭᠴᠢ ᠠᠵᠤ ᠠᠬᠤᠶᠢᠯᠠᠯ ᠢ ᠤᠷᠢᠨ ᠤᠷᠤᠭᠤᠯᠬᠤ | ᠪᠠ ᠪᠤᠯᠪᠠᠰᠤᠷᠠᠭᠤᠯᠵᠤ᠂ ︽ᠦᠢᠯᠡᠳᠪᠦᠷᠢᠯᠡᠬᠦ᠂ ᠪᠤᠯᠪᠠᠰᠤᠷᠠᠭᠤᠯᠬᠤ᠂ ᠪᠤᠷᠤᠯᠠᠭᠤᠯᠬᠤ︾ ᠳᠤᠭᠳᠠᠴᠠ ᠶᠢ ᠠᠯᠬᠤᠮ | ᠠᠯᠬᠤᠮ ᠢᠶᠠᠷ ᠳᠡᠬᠦᠯᠳᠡᠷᠵᠢᠬᠦᠯᠦᠨ᠎ᠡ᠃ ᠨᠤᠤᠯᠤᠷ ᠤᠨ ᠴᠠᠭᠠᠨ ᠢᠮᠠᠭ᠎ᠠ ᠪᠠ ᠬᠤᠤᠰ ᠪᠦᠬᠦᠳᠤ ᠳᠡᠮᠡᠬᠡᠨ ᠤ | ᠤᠯᠤᠰ ᠤᠨ ᠳᠡᠰ ᠤᠨ ᠳᠠᠷᠢᠶᠠᠯᠠᠩ ᠤᠨ ᠪᠠᠷᠢᠮᠵᠢᠶᠠᠵᠢᠭᠰᠡᠨ ᠳᠤᠷᠰᠢᠯᠳᠠ ᠶᠢᠨ ᠴᠡᠭ ᠤᠨ ᠠᠵᠢᠯ ᠢ ᠡᠬᠢᠯᠡᠬᠦᠯᠦᠨ᠎ᠡ᠃ | ᠢᠮᠠᠭᠠᠨ ᠤ ᠨᠤᠤᠯᠤᠷ ᠤᠨ 1 ᠠᠵᠤ ᠦᠢᠯᠡᠰ ᠤᠨ ᠬᠦᠷᠢᠶᠡᠯᠡᠩ᠂ ᠨᠣᠣᠯᠣᠷ ᠤᠨ ᠴᠠᠭᠠᠨ ᠢᠮᠠᠭᠠᠨ ᠤ ᠡᠬᠦᠯᠳᠡᠷ | ᠬᠠᠮᠠᠭᠠᠯᠠᠬᠤ ᠳᠠᠯᠠᠪᠠᠢ ᠶᠢ 2 ᠪᠦᠳᠦᠬᠡᠨ ᠪᠠᠶᠢᠭᠤᠯᠤᠨ᠎ᠠ᠃ ᠰᠢᠨ᠎ᠡ ᠬᠡᠯᠪᠡᠷᠢ ᠶᠢᠨ ᠡᠵᠡᠩᠨᠡᠯᠳᠡ ᠶᠢᠨ ᠭᠤᠤᠯ | ᠴᠤᠭᠴᠠ ᠶᠢ ᠪᠤᠵᠠᠭᠠᠶᠢᠷᠠᠭᠤᠯᠵᠤ᠂ 64 ᠡᠷᠦᠬᠡ ᠳᠠᠷᠢᠶᠠᠴᠢᠨ ᠮᠠᠯᠴᠢᠣᠨ ᠤᠨ ᠬᠤᠷᠰᠢᠶᠠᠵᠢᠯ ᠢ ᠳᠦᠷᠢᠮᠵᠢᠬᠦᠯᠦᠨ᠂ | 9 ᠡᠷᠦᠬᠡ ᠳᠤᠰᠬᠠᠢ ᠬᠤᠷᠰᠢᠶᠠᠵᠢᠯ ᠢ ᠭᠤᠤᠯᠳᠠᠯᠭ᠎ᠠ ᠲᠠᠢ ᠳᠡᠮᠵᠢᠨ᠎ᠡ᠃ ᠳᠠᠷᠢᠶᠠᠯᠠᠩ ᠮᠠᠯ ᠠᠵᠤ ᠠᠬᠤᠢ ᠶᠢᠨ | ᠬᠦᠭᠵᠢᠯᠳᠡ ᠶᠢᠨ ᠰᠠᠭᠤᠷᠢ ᠮᠦᠩᠬᠦ ᠶᠢ ᠪᠠᠶᠢᠭᠤᠯᠵᠤ᠂ ᠤᠷᠭᠠᠨᠢᠭ ᠢᠳᠡᠰᠢᠨ ᠨᠤᠭᠤᠭ᠎ᠠ᠂ ᠬᠢᠳᠠᠳ ᠡᠮ ᠤᠨ | ᠮᠠᠲ᠋ᠧᠷᠢᠶᠠᠯ ᠵᠡᠷᠬᠡ ᠳᠠᠷᠢᠮᠠᠯ ᠤᠨ ᠦᠢᠯᠡᠰ᠂ ᠡᠯᠡᠰᠦᠨ ᠠᠵᠤ ᠦᠢᠯᠡᠰ ᠪᠠ ᠠᠯᠠᠰᠢᠨ ᠮᠠᠯ ᠤᠨ ᠠᠵᠤ ᠦᠢᠯᠡᠰ ᠤᠨ | ᠬᠦᠭᠵᠢᠯᠳᠡ ᠶᠢ ᠭᠤᠤᠯᠳᠠᠯᠭ᠎ᠠ ᠲᠠᠢ ᠳᠡᠮᠵᠢᠨ᠎ᠡ᠃ ᠲᠠᠷᠢᠶᠠᠯᠠᠩ ᠤᠨ ᠳᠠᠭᠠᠳᠬᠠᠯ ᠤᠨ ᠪᠦᠷᠬᠦᠴᠡ ᠶᠢ | ᠦᠷᠭᠡᠳᠬᠡᠵᠤ᠂ ᠤᠨᠴᠠᠯᠢᠭᠲᠤ ᠲᠠᠷᠢᠮᠠᠯ ᠤᠨ ᠵᠦᠢᠯ ᠪᠠ ᠰᠢᠯᠢᠳᠡᠭ ᠮᠠᠯ ᠤᠨ ᠡᠬᠦᠯᠳᠡᠷ ᠤᠨ ᠳᠠᠭᠠᠳᠬᠠᠯ ᠤᠨ | ᠨᠦᠬᠦᠪᠦᠷᠢ ᠶᠢᠨ ᠬᠦᠴᠦᠯᠡᠴᠡ ᠪᠠᠨ ᠨᠡᠮᠡᠭᠳᠡᠬᠦᠯᠵᠤ᠂ ᠳᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠮᠠᠯᠴᠢᠨ ᠳᠠᠷᠢᠶᠠᠴᠢᠨ ᠢ ᠵᠢᠯᠤᠭᠤᠳᠤᠨ ᠠᠮᠢ ᠠᠬᠤᠢ ᠶᠢᠨ ᠵᠢᠭᠤᠯᠴᠢᠯᠡᠯ᠂ ᠤᠨᠴᠠᠯᠢᠭᠲᠤ ᠵᠢᠮᠢᠰ | ᠨᠤᠭᠤᠭ᠎ᠠ ᠳᠡᠬᠦᠬᠦ᠂ ᠠᠷᠠᠳ ᠤᠨ ᠵᠠᠩ ᠦᠢᠯᠡ ᠲᠠᠢ ᠳᠠᠨᠢᠯᠴᠠᠬᠤ ᠵᠡᠷᠬᠡ ᠰᠡᠯᠡᠬᠦᠴᠡᠯ ᠤᠨ ᠳᠠᠷᠢᠶᠠᠯᠠᠩ ᠮᠠᠯ ᠠᠵᠤ | ᠠᠬᠤᠢ ᠶᠢ ᠬᠦᠭᠵᠢᠬᠦᠯᠵᠤ᠂ ᠤᠷᠤᠯᠭ᠎ᠠ ᠨᠡᠮᠡᠭᠳᠡᠬᠦᠯᠬᠦ ᠵᠠᠮ ᠢᠶᠠᠨ ᠦᠷᠬᠡᠳᠬᠡᠨ᠎ᠡ᠃ ᠰᠠᠭᠤᠷᠢ ᠲᠤᠭ᠎ᠠ ᠶᠢ ᠡᠵᠡᠮᠰᠢᠵᠣ | ᠂ ᠭᠤᠷᠪᠠᠳᠣᠭᠠᠷ ᠤᠳᠠᠭᠠᠨ ᠤ ᠨᠠᠶᠢᠳᠡᠮ ᠪᠠᠶᠢᠴᠠᠭᠠᠯᠳᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠠ᠃ | ︵ᠬᠤᠶᠠᠷ︶ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠳᠡ ᠶᠢᠨ ᠠᠬᠢᠴᠠ ᠶᠢ ᠳᠦᠷᠬᠡᠳᠬᠡᠨ᠎ᠡ᠃ ᠤᠯᠠᠮᠵᠢᠯᠠᠯᠳᠤ | ᠠᠵᠤ ᠦᠢᠯᠡᠰ ᠢ ᠶᠡᠬᠡᠪᠡᠷ ᠦᠬᠡᠷᠡᠴᠢᠯᠡᠨ ᠳᠡᠬᠡᠭᠰᠢᠯᠡᠬᠦᠯᠤᠨ᠎ᠠ᠃ ᠪᠡᠯ ᠤᠨ ᠬᠤᠳᠳᠤᠭ ᠤᠨ 180 ᠳᠦᠮᠡᠨ ᠲᠤᠨ | ᠪᠠ ᠪᠠᠶᠠᠨᠪᠣᠯᠠᠭ ᠤᠨ 120 ᠳᠦᠮᠡᠨ ᠲᠤᠨ ᠤ ᠬᠤᠳᠳᠤᠭ ᠤᠨ ᠨᠡᠬᠦᠷᠡᠰᠦᠨ ᠤ ᠳᠦᠷᠦᠯ ᠵᠦᠢᠯ ᠡᠷᠳᠡᠬᠡᠨ | ᠦᠢᠯᠡᠳᠪᠦᠷᠢᠯᠡᠯ ᠤᠨ ᠬᠡᠮᠵᠢᠶᠡᠨ ᠳᠤ ᠬᠦᠷᠭᠡᠬᠦ ᠶᠢ ᠠᠬᠢᠭᠤᠯᠵᠤ᠂ ᠨᠢᠩ ᠹᠠ ᠶᠢᠨ 120 ᠳᠦᠮᠡᠨ ᠲᠤᠨ ᠪᠠ ᠴᠢᠩ | ᠯᠢᠩ ᠤᠨ 60 ᠳᠦᠮᠡᠨ ᠲᠤᠨ ᠤ ᠵᠠᠳᠠᠭᠠᠢ ᠨᠡᠬᠦᠷᠡᠰᠦᠨ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢ | ᠠᠬᠢᠭᠤᠯᠤᠨ᠎ᠠ᠃ ᠱᠧᠩ ᠮᠤ᠋ ᠳᠡᠭᠡᠳᠦ ᠰᠢᠨᠵᠢᠯᠡᠭᠡ ᠲᠧᠭᠨᠢᠭ ᠤᠨ 2 ᠳᠦᠮᠡᠨ ᠲᠤᠨ ᠤ ᠤᠷᠭᠠᠨᠢᠭ ᠨᠢᠯᠬᠠᠰ ᠤᠨ | ᠰᠦᠨ ᠲᠠᠯᠬ᠎ᠠ ᠶᠢᠨ ᠳᠦᠷᠦᠯ ᠵᠦᠢᠯ ᠢ ᠪᠦᠳᠦᠬᠡᠨ ᠪᠠᠶᠢᠭᠤᠯᠵᠤ ᠦᠢᠯᠡᠳᠪᠦᠷᠢᠯᠡᠯ ᠳᠤ ᠤᠷᠤᠭᠤᠯᠬᠤ ᠶᠢ ᠬᠦᠴᠦ | ᠳᠠᠯᠪᠢᠨ ᠠᠬᠢᠭᠤᠯᠤᠨ᠎ᠠ᠃ ᠪᠤᠷᠵᠢᠨ ᠴᠢᠯᠠᠭᠤᠨ ᠤ ᠠᠭᠤᠷᠬᠠᠢ ᠮᠠᠯᠳᠠᠵᠤ ᠪᠤᠯᠪᠠᠰᠤᠷᠠᠭᠤᠯᠬᠤ ᠠᠵᠤ ᠠᠬᠤᠶᠢᠯᠠᠯ ᠢ | ᠨᠢᠬᠡᠳᠬᠡᠵᠤ ᠴᠡᠭᠴᠡᠯᠡᠬᠦ ᠶᠢ ᠵᠢᠯᠤᠭᠤᠳᠴᠤ᠂ ᠳᠡᠭᠡᠳᠦ ᠮᠡᠷᠬᠡᠵᠢᠯ ᠤᠨ ᠦᠨᠳᠦᠷ ᠨᠡᠮᠡᠯᠳᠡ ᠦᠷᠳᠡᠭ ᠲᠠᠢ | ᠪᠦᠳᠦᠬᠡᠭᠳᠡᠬᠦᠨ ᠢ ᠨᠡᠬᠡᠬᠡᠨ ᠬᠦᠭᠵᠢᠬᠦᠯᠵᠤ᠂ ᠳᠦᠷᠢᠮᠵᠢᠭᠰᠡᠨ᠂ ᠬᠡᠪᠴᠢᠶᠡᠵᠢᠭᠰᠡᠨ ᠬᠦᠭᠵᠢᠯᠳᠡ ᠶᠢ ᠳᠦᠯᠬᠢᠨ | ᠠᠬᠢᠭᠤᠯᠤᠨ᠎ᠠ᠃ ᠵᠤᠯᠵᠠᠭ᠎ᠠ ᠰᠢᠵᠢᠷ ᠠᠯᠳᠠᠨ ᠤ ᠭᠤᠷᠪᠠᠳᠤᠭᠠᠷ ᠬᠤᠭᠤᠴᠠᠭᠠᠨ ᠤ ᠦᠷᠬᠡᠳᠬᠡᠨ ᠪᠠᠶᠢᠭᠤᠯᠬᠤ ᠶᠢ | ᠳᠦᠷᠬᠡᠳᠬᠡᠵᠤ᠂ ᠦᠢᠯᠡᠳᠪᠦᠷᠢᠯᠡᠯ ᠤᠨ ᠴᠢᠳᠠᠪᠤᠷᠢ ᠪᠠᠨ ᠳᠡᠬᠡᠭᠰᠢᠯᠡᠬᠦᠯᠦᠨ᠎ᠡ᠃ ᠰᠢᠵᠢᠷ ᠠᠯᠳᠠᠨ ᠤ ᠰᠤᠶᠤᠯ ᠤᠨ | ᠠᠵᠤ ᠦᠢᠯᠡᠰ ᠤᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠰᠢᠵᠢᠷ ᠠᠯᠳᠠᠨ ᠤ | ᠪᠦᠲᠦᠭᠡᠭᠳᠡᠭᠦᠨ ᠤ ᠳᠦᠰᠦᠪᠯᠡᠯ᠂ ᠪᠤᠯᠪᠠᠰᠤᠷᠠᠭᠤᠯᠤᠯᠳᠠ᠂ ᠦᠵᠡᠬᠦᠯᠦᠯᠬᠡ᠂ ᠠᠷᠠᠯᠵᠢᠶ᠎ᠠ ᠵᠡᠷᠬᠡ ᠶᠡᠷᠥᠩᠬᠡᠶᠢᠯᠡᠭᠰᠡᠨ | ᠦᠢᠯᠡᠴᠢᠯᠡᠬᠡᠨ ᠤ ᠴᠤᠭᠴᠠ ᠶᠢ ᠪᠦᠷᠢᠯᠳᠦᠬᠦᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ ᠢ ᠵᠣᠷᠢᠭᠵᠢᠭᠤᠯᠤᠨ᠂ | ᠰᠢᠨᠵᠢᠯᠡᠭᠡ ᠲᠧᠭᠨᠢᠭ ᠤᠨ ᠰᠤᠳᠤᠯᠭᠠᠨ ᠤ ᠬᠦᠷᠢᠶᠡᠯᠡᠩ ᠲᠠᠢ ᠬᠠᠮᠳᠤᠷᠠᠨ ᠠᠵᠢᠯᠯᠡᠭᠤᠯᠵᠤ᠂ ᠮᠡᠷᠬᠡᠵᠢᠯ ᠤᠨ | ᠦᠬᠡᠷᠡᠴᠢᠯᠡᠯᠳᠡ᠂ ᠳᠦᠬᠦᠬᠡᠷᠦᠮᠵᠢ ᠰᠢᠨᠡᠳᠬᠡᠬᠦ ᠪᠠ ᠰᠤᠳᠤᠯᠤᠭᠠᠨ ᠤ ᠦᠷ᠎ᠡ ᠪᠦᠳᠦᠮᠵᠢ ᠪᠠᠨ ᠬᠤᠪᠢᠷᠠᠭᠤᠯᠬᠤ ᠶᠢ | ᠠᠬᠢᠭᠤᠯᠵᠤ᠂ ᠭᠤᠤᠯᠯᠠᠬᠤ ᠦᠷᠢᠰᠦᠯᠳᠦᠬᠡᠨ ᠤ ᠬᠦᠴᠦᠨ ᠢ ᠳᠡᠬᠡᠭᠰᠢᠯᠡᠬᠦᠯᠦᠨ᠎ᠡ᠃ ᠭᠠᠵᠠᠷ ᠣᠷᠤᠨ ᠤ ᠤᠨᠴᠠᠯᠢᠭᠳᠤ | ᠤᠯᠠᠮᠵᠢᠯᠠᠯᠳᠤ ᠭᠠᠷ ᠤᠷᠠᠯᠢᠭ ᠪᠠ ᠭᠠᠷ ᠤᠷᠠᠯᠠᠯ ᠤᠨ ᠡᠳ᠋ᠯᠡᠯ ᠢ ᠪᠤᠯᠪᠠᠰᠤᠷᠠᠭᠤᠯᠬᠤ ᠦᠢᠯᠡᠰ ᠤᠨ ᠬᠦᠭᠵᠢᠯᠳᠡ ᠶᠢ | ᠳᠡᠮᠵᠢᠵᠤ᠂ ᠵᠠᠬ᠎ᠠ ᠳᠡᠯᠬᠡᠬᠦᠷ ᠢ ᠬᠦᠭᠵᠢᠬᠦᠯᠵᠤ᠂ ᠠᠵᠢᠯ ᠤᠯᠭᠤᠯᠳᠠ ᠶᠢ ᠳᠠᠶᠢᠴᠢᠯᠠᠨ᠎ᠠ᠃ ᠦᠪᠡᠷ ᠤᠨ ᠦᠷᠳᠡᠭ | ᠢᠶᠠᠨ ᠪᠠᠭᠤᠷᠠᠭᠤᠯᠵᠤ ᠪᠦᠳᠦᠮᠵᠢ ᠪᠠᠨ ᠳᠡᠬᠡᠭᠰᠢᠯᠡᠬᠦᠯᠬᠦ ᠳᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ | ᠨᠢᠬᠡ ᠠᠵᠤ ᠠᠬᠤᠶᠢᠯᠠᠯ ᠨᠢᠬᠡ ᠪᠤᠳᠤᠯᠭ᠎ᠠ︾ ᠶᠢᠨ ᠲᠡᠳᠭᠦᠨ ᠲᠡᠮᠵᠢᠬᠦ ᠠᠷᠭ᠎ᠠ ᠬᠡᠮᠵᠢᠶ᠎ᠠ ᠶᠢ ᠴᠢᠩᠭᠠᠳᠬᠠᠨ᠂ ᠠᠵᠤ | ᠠᠬᠤᠶᠢᠯᠠᠯ ᠤᠨ ᠬᠡᠪ ᠤᠨ ᠦᠢᠯᠡᠳᠪᠦᠷᠢᠯᠡᠯ ᠡᠵᠡᠩᠨᠡᠯᠳᠡ ᠶᠢ ᠪᠠᠳᠤᠯᠠᠨ᠎ᠠ᠃ ᠠᠵᠤ ᠠᠬᠤᠶᠢᠯᠠᠯ ᠤᠨ ᠵᠠᠬ᠎ᠠ ᠳᠤ | ᠤᠷᠤᠵᠤ ᠰᠢᠭᠤᠳ ᠮᠦᠩᠬᠦ ᠬᠤᠷᠠᠮᠳᠤᠭᠤᠯᠬᠤ ᠶᠢ ᠳᠡᠮᠵᠢᠵᠤ᠂ ᠪᠡᠯᠡ ᠮᠦᠩᠬᠦ ᠬᠤᠷᠠᠮᠳᠤᠭᠤᠯᠬᠤ ᠳᠤ ᠬᠦᠴᠢᠷᠳᠡᠢ ᠪᠠ | ᠥᠪᠡᠷ ᠤᠨ ᠦᠷᠳᠡᠭ ᠦᠨᠳᠦᠷ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠰᠢᠨ᠎ᠡ ᠪᠠᠷ ᠮᠠᠨᠳᠣᠭᠰᠠᠨ ᠠᠵᠤ | ᠦᠢᠯᠡᠰ ᠢ ᠪᠥᠢᠵᠢᠭᠤᠯᠤᠨ ᠬᠦᠭᠵᠢᠬᠦᠯᠬᠦ ᠶᠢ ᠶᠡᠬᠡᠪᠡᠷ ᠳᠡᠮᠵᠢᠨ᠎ᠡ᠃ ᠪᠦᠬᠦ ᠤᠯᠤᠰ ᠤᠨ ᠡᠯᠡᠰᠦᠨ ᠠᠵᠤ ᠦᠢᠯᠡᠰ | ᠤᠨ ᠶᠡᠷᠦᠩᠬᠡᠢ ᠰᠠᠭᠤᠷᠢᠨ ᠭᠠᠵᠠᠷ ᠢ ᠪᠤᠢ ᠪᠤᠯᠭᠠᠵᠤ᠂ ᠡᠯᠡᠰᠦᠨ ᠤ ᠠᠵᠤ ᠦᠢᠯᠡᠰ ᠤᠨ ᠬᠦᠭᠵᠢᠯᠳᠡ ᠶᠢᠨ | ᠶᠡᠷᠦᠩᠬᠡᠢ ᠳᠦᠯᠦᠪᠵᠢᠬᠦᠯᠬᠡ ᠶᠢ ᠨᠠᠶᠢᠷᠠᠭᠤᠯᠵᠤ ᠳᠠᠭᠤᠰᠬᠠᠨ᠎ᠠ᠃ ᠪᠦᠬᠦ ᠤᠯᠤᠰ ᠤᠨ ᠡᠯᠡᠰᠦᠨ ᠠᠵᠤ ᠦᠢᠯᠡᠰ | ᠤᠨ ᠰᠢᠨ᠎ᠡ ᠶᠢ ᠡᠬᠦᠳᠬᠦ ᠦᠢᠯᠡᠰ ᠡᠷᠬᠢᠯᠡᠬᠦ ᠤᠷᠤᠯᠳᠤᠭᠠᠨ ᠢ ᠢᠳᠡᠪᠬᠢᠳᠡᠢ ᠡᠷᠬᠢᠯᠡᠨ ᠶᠠᠪᠤᠭᠳᠠᠭᠤᠯᠵᠤ᠂ | ᠰᠢᠨᠵᠢᠯᠡᠭᠡ ᠮᠡᠷᠬᠡᠵᠢᠯ ᠤᠨ ᠦᠷ᠎ᠡ ᠪᠦᠳᠦᠬᠡᠯ᠂ ᠴᠢᠳᠠᠪᠤᠷᠢᠳᠠᠨ᠂ ᠡᠳ᠋ ᠬᠦᠷᠦᠩᠬᠡ ᠵᠡᠷᠬᠡ ᠡᠯᠧᠮᠧᠨ᠋ᠲ ᠤᠨ | ᠳᠦᠪᠯᠡᠷᠡᠭᠰᠡᠨ ᠭᠠᠵᠠᠷ ᠢ ᠪᠤᠢ ᠪᠤᠯᠭᠠᠨ᠎ᠠ᠃ ᠵᠢᠯ ᠤᠨ ᠲᠣᠲᠣᠷ᠎ᠠ ᠴᠠᠭᠠᠨ ᠭᠤᠶᠤᠤ᠂ ᠤᠯᠠᠭᠠᠨ ᠭᠤᠶᠤᠤ ᠶᠢᠨ ᠰᠢᠨ᠎ᠡ | ᠢᠳᠡᠬᠡᠨ ᠤ ᠵᠦᠢᠯᠡᠰ ᠤᠨ ᠳᠦᠬᠦᠬᠡᠢ ᠡᠳ᠋ ᠤᠨ ᠬᠡᠷᠡᠴᠢᠯᠡᠯᠳᠡ ᠪᠠ 7S ᠨᠤᠳᠤᠭ ᠤᠷᠤᠨ ᠤ ᠬᠢᠳᠠᠳ ᠡᠮ ᠤᠨ | ᠮᠠᠲ᠋ᠧᠷᠢᠶᠠᠯ ᠤᠨ ᠭᠤᠶᠤᠴᠢᠯᠠᠨ ᠮᠡᠳᠡᠬᠦᠯᠬᠦ ᠠᠵᠢᠯ ᠰᠢᠪᠳᠤᠯᠤᠯᠳᠠ ᠲᠠᠢ ᠪᠣᠯᠭᠠᠬᠤ ᠪᠠᠷ ᠴᠢᠷᠮᠠᠶᠢᠨ᠎ᠠ᠃ ᠡᠯᠡᠰᠦᠨ | ᠠᠵᠤ ᠦᠢᠯᠡᠰ ᠤᠨ ᠡᠷᠡᠬᠦᠯ ᠮᠡᠨᠳᠦ ᠶᠢᠨ ᠰᠢᠨᠵᠢᠯᠡᠭᠡ ᠮᠡᠷᠬᠡᠵᠢᠯ ᠤᠨ ᠬᠦᠷᠢᠶᠡᠯᠡᠩ ᠤᠨ ᠰᠠᠭᠤᠷᠢ ᠳᠦᠬᠦᠬᠡᠷᠦᠮᠵᠢ᠂ | ᠨᠡᠶᠢᠳᠡ ᠶᠢᠨ ᠦᠢᠯᠡᠳᠪᠦᠷᠢ ᠶᠢᠨ ᠭᠡᠷ ᠪᠠᠶᠢᠰᠢᠩ᠂ ᠰᠢᠨᠵᠢᠯᠡᠭᠡ ᠰᠤᠳᠤᠯᠭᠠᠨ ᠤ ᠳᠤᠮᠤ ᠠᠰᠠᠷ ᠵᠡᠷᠬᠡ ᠢᠵᠢ | ᠪᠦᠷᠢᠳᠤᠭ᠍ᠰᠠᠨ ᠳᠦᠬᠦᠬᠡᠷᠦᠮᠵᠢ ᠶᠢᠨ ᠪᠠᠶᠢᠭᠤᠯᠤᠯᠳᠠ ᠶᠢ ᠳᠦᠷᠬᠡᠳᠬᠡᠵᠤ᠂ ᠬᠤᠶᠠᠳᠤᠭᠠᠷ ᠬᠤᠭᠤᠴᠠᠭᠠᠨ ᠤ | ᠳᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠎ᠡ᠃ ᠪᠠᠢ ᠸᠧᠢ ᠡᠷᠡᠬᠦᠯ ᠮᠡᠨᠳᠦ ᠰᠢᠨᠵᠢᠯᠡᠭᠡ ᠮᠡᠷᠬᠡᠵᠢᠯ | ᠤᠨ ᠬᠦᠷᠢᠶᠡᠯᠡᠩ᠂ ᠳ᠋ᠦᠩ ᠬᠤᠢ ᠳᠡᠮᠡᠬᠡᠨ ᠤ ᠴᠢᠰᠤᠨ ᠤᠯᠠᠨᠴᠢ ᠫᠧᠪᠲ᠋ᠢᠳ᠋ ᠵᠢᠴᠢ ᠤᠯᠠᠭᠠᠨ ᠭᠤᠶᠤᠤ ᠶᠢᠨ | ᠦᠨᠳᠦᠷ ᠦᠷᠳᠡᠭᠵᠢᠭᠰᠡᠨ ᠦᠢᠯᠡᠳᠪᠦᠷᠢᠯᠡᠵᠤ ᠪᠤᠯᠪᠠᠰᠤᠷᠠᠭᠤᠯᠬᠤ᠂ ᠮᠠᠨᠳᠤᠯ᠎ᠠ ᠴᠠᠭᠠᠨ ᠭᠤᠶᠤᠤ᠂ ᠤᠯᠠᠭᠠᠨ ᠭᠤᠶᠤᠤ | ᠶᠢᠨ ᠬᠡᠷᠴᠢᠮᠡᠯ ᠤᠨ ᠤᠮᠳᠠᠭᠠᠨ ᠵᠡᠷᠬᠡ 6 ᠡᠯᠡᠰᠦᠨ ᠠᠵᠤ ᠦᠢᠯᠡᠰ ᠤᠨ ᠳᠦᠷᠦᠯ ᠵᠦᠢᠯ ᠤᠨ ᠪᠦᠳᠦᠬᠡᠨ | ᠪᠠᠶᠢᠭᠤᠯᠤᠯᠳᠠ ᠶᠢ ᠰᠠᠶᠢᠳᠤᠷ ᠠᠳᠬᠤᠨ᠎ᠠ᠃ ᠨᠠᠶᠢᠳᠡᠮ ᠬᠡᠷᠡᠭᠯᠡᠭᠡᠨ ᠤ ᠠᠭᠠᠷ ᠠᠶᠠᠯᠠᠯ ᠤᠨ ᠠᠵᠤ ᠦᠢᠯᠡᠰ ᠤᠨ | ᠬᠦᠭᠵᠢᠯᠳᠡ ᠶᠢ ᠳᠦᠷᠬᠡᠳᠬᠡᠵᠤ᠂ ᠠᠯᠠᠱᠠ ᠶᠢᠨ ᠨᠡᠶᠢᠳᠡ ᠶᠢᠨ ᠠᠭᠠᠷ ᠤᠨ ᠠᠵᠤ ᠦᠢᠯᠡᠰ ᠤᠨ ᠬᠦᠷᠢᠶᠡᠯᠡᠩ ᠤᠨ | ᠳᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢ ᠡᠬᠢᠯᠡᠬᠦᠯᠦᠨ᠂ ᠳᠤᠮᠳᠠᠳᠤ ᠤᠯᠤᠰ ᠤᠨ ᠠᠭᠠᠷ ᠠᠶᠠᠯᠠᠯ ᠤᠨ | ᠺᠠᠳ᠋ᠷ ᠤᠨ ᠬᠠᠮᠢᠶᠠᠷᠦᠯᠳᠡ ᠶᠢᠨ ᠶᠡᠭᠡ ᠰᠤᠷᠭᠠᠭᠤᠯᠢ᠂ ᠪᠡᠭᠡᠵᠢᠩ ᠤᠨ ᠠᠭᠠᠷ ᠠᠶᠠᠯᠠᠯ ᠰᠠᠨᠰᠠᠷ ᠠᠶᠠᠯᠠᠯ ᠤᠨ ᠶᠡᠭᠡ | ᠰᠣᠷᠭᠠᠭᠤᠯᠢ ᠵᠡᠷᠬᠡ ᠬᠦᠷᠢᠶᠡᠯᠡᠩ ᠠᠵᠤ ᠠᠬᠤᠶᠢᠯᠠᠯ ᠲᠠᠢ ᠬᠠᠮᠳᠤ ᠶᠢᠨ ᠠᠵᠢᠯᠯᠠᠭ᠎ᠠ ᠪᠠᠨ ᠴᠢᠩᠭᠠᠳᠬᠠᠵᠤ᠂ ᠠᠭᠠᠷ | ᠤᠨ ᠠᠶᠠᠯᠠᠯ ᠤᠨ ᠪᠤᠯᠪᠠᠰᠤᠷᠠᠯ᠂ ᠲᠣᠣᠭᠤᠷ ᠨᠢᠰᠬᠦ ᠠᠭᠠᠷ ᠤᠨ ᠵᠢᠭᠤᠯᠴᠢᠯᠠᠯ᠂ ᠪᠠᠴᠢᠮ ᠠᠪᠤᠷᠠᠯᠳᠠ ᠶᠢᠨ ᠪᠤᠳᠠᠳᠤ | ᠪᠤᠯᠪᠠᠰᠤᠷᠠᠯ ᠵᠡᠷᠬᠡ ᠳᠠᠯ᠎ᠠ ᠪᠠᠷ ᠪᠤᠳᠠᠳᠠᠢ ᠰᠢᠪᠳᠤᠯᠤᠯᠳᠠ ᠶᠢ ᠤᠯᠤᠨ᠎ᠠ᠃ ᠲᠣᠣᠷ᠎ᠠ ᠠᠭᠠᠷ ᠤᠨ ᠨᠢᠰᠦᠭᠦᠷ᠂ | ᠨᠠᠶᠢᠳᠡᠮ ᠬᠡᠷᠡᠭᠯᠡᠭᠡᠨ ᠤ ᠨᠢᠰᠭᠡᠯ ᠪᠠ ᠰᠡᠯᠪᠢᠭ ᠳᠤᠨᠤᠭ ᠤᠨ ᠦᠢᠯᠡᠳᠪᠦᠷᠢᠯᠡᠯ ᠵᠡᠷᠬᠡ ᠳᠤᠨᠤᠭ ᠳᠦᠬᠦᠬᠡᠷᠦᠮᠵᠢ ᠶᠢᠨ | ᠦᠢᠯᠡᠳᠪᠦᠷᠢᠯᠡᠯ ᠢ ᠢᠳᠡᠪᠬᠢᠳᠡᠢ ᠪᠤᠯᠪᠠᠰᠤᠷᠠᠭᠤᠯᠤᠨ᠎ᠠ᠃ ᠰᠢᠨ᠎ᠡ ᠡᠨᠧᠷᠭᠢ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠲᠤ ᠤᠷᠤᠭᠰᠠᠨ ᠲᠤᠬᠢᠶᠠᠯ ᠢᠶᠠᠷ ᠴᠡᠪᠡᠷ ᠡᠨᠧᠷᠬᠢ ᠤᠨ ᠠᠵᠤ ᠦᠢᠯᠡᠰ ᠤᠨ ᠬᠦᠭᠵᠢᠯᠳᠡ ᠶᠢ ᠲᠦᠷᠭᠡᠳᠬᠡᠨ | ᠠᠬᠢᠭᠤᠯᠵᠤ᠂ ᠬᠠᠨᠠᠰ ᠤᠨ ᠨᠢᠬᠡᠳᠦᠬᠡᠷ ᠬᠤᠭᠤᠴᠠᠭᠠᠨ ᠤ 200 ᠰᠠᠶ᠎ᠠ ᠸᠠᠲ ᠰᠠᠯᠬᠢᠨ ᠴᠠᠬᠢᠯᠭᠠᠨ ᠤ ᠳᠦᠷᠦᠯ ᠵᠦᠢᠯ | ᠤᠨ ᠳᠤᠤᠷ ᠨᠡᠶᠢᠯᠡᠬᠦᠯᠵᠤ ᠴᠠᠬᠢᠯᠭᠠᠨ ᠭᠠᠷᠭᠠᠬᠤ ᠶᠢ ᠪᠡᠶᠡᠯᠡᠬᠦᠯᠵᠤ᠂ ᠤᠯᠠᠨᠪᠤᠯᠠᠭ ᠤᠨ 100 ᠰᠠᠶ᠎ᠠ ᠸᠠᠲ ᠤᠨ | ᠢᠯᠴᠢ ᠬᠡᠷᠡᠯ ᠢᠶᠠᠷ ᠴᠠᠬᠢᠯᠭᠠᠨ ᠭᠠᠷᠭᠠᠬᠤ ᠳᠦᠷᠦᠯ ᠵᠦᠢᠯ ᠤᠨ ᠡᠬᠢᠨ ᠤ ᠬᠤᠭᠤᠴᠠᠭᠠᠨ ᠤ ᠠᠵᠢᠯ ᠢ | ᠳᠦᠷᠬᠡᠳᠬᠡᠨ᠎ᠡ᠃ ᠴᠠᠭᠠᠨ ᠮᠤᠬᠤᠷ ᠤᠨ ᠪᠠᠯ ᠴᠢᠯᠠᠭᠤᠨ ᠤ ᠡᠬᠢ ᠪᠠᠶᠠᠯᠢᠭ ᠢ ᠰᠠᠶᠢᠳᠤᠷ ᠨᠡᠬᠡᠬᠡᠨ ᠠᠰᠢᠭᠯᠠᠵᠤ᠂ ︽ | ᠴᠢᠯᠦᠬᠡᠳᠤ ᠬᠤᠷᠰᠢᠯ ᠤᠨ ᠠᠵᠤ ᠠᠬᠤᠢ︾ ᠶᠢᠨ ᠬᠡᠯᠪᠡᠷᠢ ᠶᠢ ᠠᠰᠢᠭᠯᠠᠨ᠂ ︽ᠳᠤᠮᠤ ᠲᠤᠭᠤᠷᠢᠭ︾ ᠤᠨ | ᠪᠦᠳᠦᠬᠡᠨ ᠪᠠᠶᠢᠭᠤᠯᠤᠯᠳᠠ ᠶᠢ ᠳᠡᠮᠵᠢᠵᠤ᠂ ᠠᠯᠠᠱᠠ ᠶᠢᠨ ᠠᠵᠤ ᠠᠬᠤᠢ ᠶᠢᠨ ᠨᠡᠬᠡᠬᠡᠯᠳᠡ ᠶᠢᠨ ᠤᠷᠤᠨ ᠤ | ᠮᠢᠩᠭᠠᠨ ᠳ᠋ᠦᠩᠰᠢᠭᠤᠷ ᠤᠨ ᠬᠦᠷᠢᠶᠡᠯᠡᠩ ᠢ ᠬᠠᠮᠳᠤᠷᠠᠵᠤ ᠪᠦᠳᠦᠬᠡᠨ ᠪᠠᠶᠢᠭᠤᠯᠤᠨ᠎ᠠ᠃ | ︵ᠭᠤᠷᠪᠠ︶ ᠦᠢᠯᠡᠴᠢᠯᠡᠬᠡᠨ ᠤ ᠦᠢᠯᠡᠰ ᠳᠦᠷᠬᠡᠨ ᠬᠦᠭᠵᠢᠬᠦ ᠶᠢ ᠠᠬᠢᠭᠤᠯᠤᠨ᠎ᠠ᠃ ︽ᠵᠢᠭᠤᠯᠴᠢᠯᠠᠯ +︾ | ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠵᠤ᠂ ︽ᠶᠡᠭᠡ ᠵᠢᠭᠤᠯᠴᠢᠯᠠᠯ︾ ᠤᠨ ᠪᠠᠶᠢᠳᠠᠯ ᠢ ᠪᠦᠷᠢᠯᠳᠦᠬᠦᠯᠦᠨ᠎ᠡ᠃ | ᠵᠢᠭᠤᠯᠴᠢᠯᠠᠯ ᠤᠨ ᠳᠦᠯᠦᠪᠵᠢᠬᠦᠯᠬᠡ ᠶᠢᠨ ᠳᠤᠭᠳᠠᠯᠴᠠᠭ᠎ᠠ ᠶᠢ ᠤᠯᠠᠮ ᠨᠢᠬᠡ ᠠᠯᠬᠤᠮ ᠳᠡᠬᠦᠯᠳᠡᠷᠵᠢᠬᠦᠯᠵᠤ᠂ ᠪᠦᠬᠦ | ᠬᠦᠷᠢᠶ᠎ᠡ ᠴᠠᠷ᠎ᠠ ᠶᠢᠨ ᠵᠢᠭᠤᠯᠴᠢᠯᠠᠯ ᠤᠨ ᠳᠦᠯᠦᠪᠵᠢᠬᠦᠯᠬᠡ ᠵᠢᠴᠢ ᠳᠡᠭᠷᠢ ᠡᠯᠡᠰᠦ᠂ ᠬᠤᠯᠠᠳᠠᠬᠢᠨ ᠢ ᠳᠤᠭᠳᠠᠭᠠᠭᠴᠢ | ᠬᠤᠷᠢᠶ᠎ᠠ᠂ ᠬᠤᠳᠠ ᠶᠢᠨ ᠭᠤᠤᠯ ᠰᠡᠳᠦᠪᠳᠤ ᠴᠡᠴᠡᠷᠯᠢᠭ ᠵᠡᠷᠬᠡ ᠳᠤᠰᠬᠠᠢ ᠳᠦᠯᠦᠪᠵᠢᠬᠦᠯᠬᠡ ᠶᠢ | ᠲᠡᠭᠦᠯᠲᠡᠷᠵᠢᠭᠦᠯᠵᠤ᠂ ᠰᠤᠶᠤᠯ ᠰᠡᠯᠡᠬᠦᠴᠡᠯ ᠤᠨ ᠠᠵᠤ ᠦᠢᠯᠡᠰ᠂ ᠤᠶᠤᠨᠳᠤ ᠵᠢᠭᠤᠯᠴᠢᠯᠠᠯ ᠵᠡᠷᠬᠡ ᠳᠦᠯᠦᠪᠵᠢᠬᠦᠯᠬᠡ | ᠶᠢ ᠨᠠᠶᠢᠷᠠᠭᠤᠯᠵᠤ᠂ ᠳᠦᠯᠦᠪᠵᠢᠬᠦᠯᠬᠡ ᠪᠠᠷ ᠵᠢᠯᠤᠭᠤᠳᠤᠨ ᠳᠠᠶᠢᠴᠢᠯᠠᠬᠤ ᠶᠢ ᠴᠢᠩᠭᠠᠳᠬᠠᠨ᠎ᠠ᠃ ᠵᠢᠭᠤᠯᠴᠢᠯᠠᠯ ᠤᠨ | ᠦᠵᠡᠮᠵᠢ ᠶᠢᠨ ᠤᠷᠤᠨ ᠪᠠ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠡᠯᠡᠰᠦ | ᠮᠠᠩᠬᠠᠨ ᠤ ᠬᠦᠰᠡᠯ ᠵᠡᠬᠦᠳᠤ ᠶᠢᠨ ᠮᠠᠰᠢᠨ ᠳᠡᠷᠬᠡ — ᠠᠭᠠᠷ ᠠᠶᠠᠯᠠᠯ ᠤᠨ ᠴᠡᠴᠡᠷᠯᠢᠭ᠂ ᠠᠯᠠᠱᠠ ᠠᠭᠤᠯᠠᠨ ᠤ | ᠪᠠᠷᠠᠭᠤᠨ ᠬᠤᠷᠮᠣᠢ ᠶᠢᠨ ᠶᠡᠷᠦᠩᠬᠡᠶᠢᠯᠡᠭᠰᠡᠨ ᠦᠵᠡᠮᠵᠢ ᠶᠢᠨ ᠤᠷᠤᠨ ᠵᠡᠷᠬᠡ ᠨᠠᠢᠮᠠᠨ ᠶᠡᠭᠡ ᠦᠵᠡᠮᠵᠢ ᠶᠢᠨ ᠤᠷᠤᠨ | ᠤ ᠪᠦᠳᠦᠬᠡᠨ ᠪᠠᠶᠢᠭᠤᠯᠤᠯᠳᠠ ᠪᠠ ᠰᠠᠶᠢᠵᠢᠷᠠᠭᠤᠯᠣᠯᠳᠡ ᠶᠢᠨ ᠢᠨᠵᠧᠨᠧᠷᠢᠩ ᠢ ᠳᠦᠷᠬᠡᠳᠬᠡᠵᠤ᠂ ᠨᠠᠭᠤᠷᠳᠤ ᠶᠢᠨ | ᠠᠳᠤᠭᠤᠴᠢᠨ ᠤ ᠬᠡᠬᠡᠷᠡᠯᠠᠨ ᠪᠠᠭᠤᠳᠠᠯᠯᠠᠬᠤ ᠰᠠᠭᠤᠷᠢᠨ ᠭᠠᠵᠠᠷ ᠢ ᠰᠢᠨ᠎ᠡ ᠪᠠᠷ ᠪᠠᠶᠢᠭᠤᠯᠤᠨ᠎ᠠ︔ ᠢᠷᠭᠠᠢ ᠶᠢᠨ | ᠵᠢᠭᠤᠯᠴᠢᠯᠠᠯ ᠤᠨ ᠦᠢᠯᠡᠴᠢᠯᠡᠬᠡᠨ ᠤ ᠳᠦᠪ᠂ ᠪᠠᠶᠠᠨᠬᠤᠳᠠ ᠪᠠ ᠳᠤᠩᠭᠠᠯᠠᠭ ᠨᠠᠭᠤᠷ ᠤᠨ ᠵᠢᠭᠤᠯᠴᠢᠯᠠᠯ ᠤᠨ | ᠳᠦᠪᠯᠡᠷᠡᠭᠦᠯᠵᠤ ᠳᠠᠷᠬᠠᠬᠤ ᠳᠦᠪ᠂ ᠤᠯᠠᠨᠪᠤᠯᠠᠭ ᠪᠠ ᠪᠠᠶᠠᠨᠨᠢᠷᠤᠭᠤᠨ ᠤ ᠵᠢᠭᠤᠯᠴᠢᠯᠠᠯ ᠤᠨ ᠦᠷᠳᠡᠭᠡ ᠶᠢ | ᠪᠠᠶᠢᠭᠤᠯᠤᠨ᠎ᠠ︔ ᠵᠢᠭᠤᠯᠴᠢᠯᠠᠯ ᠤᠨ ᠳᠤᠭᠤᠷᠢᠯᠳᠠ ᠶᠢᠨ ᠵᠠᠮ ᠤᠨ ᠪᠠᠶᠢᠭᠤᠯᠤᠯᠳᠠ ᠶᠢ ᠳᠦᠷᠬᠡᠳᠬᠡᠵᠤ᠂ ᠦᠵᠡᠮᠵᠢ | ᠶᠢᠨ ᠤᠷᠤᠨ ᠦᠵᠡᠮᠵᠢ ᠶᠢᠨ ᠴᠡᠭ ᠤᠨ ᠬᠤᠭᠤᠷᠤᠨᠳᠤ ᠪᠠᠨ ᠨᠡᠪᠳᠡᠷᠡᠵᠤ ᠬᠤᠯᠪᠤᠯᠳᠤᠬᠤ ᠶᠢ ᠪᠡᠶᠡᠯᠡᠬᠦᠯᠦᠨ᠎ᠡ᠃ | ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠠᠮᠢᠶᠠᠷᠤᠯᠳᠠ ᠶᠢᠨ ᠳᠦᠷᠢᠮᠵᠢᠯᠳᠡ᠂ ᠪᠠᠶᠢᠡᠭᠭᠤᠵᠢᠯᠳᠡ ᠶᠢ ᠠᠬᠢᠭᠤᠯᠵᠤ᠂ | ︽ᠤᠶᠤᠨᠳᠤ ᠵᠢᠭᠤᠯᠴᠢᠯᠠᠯ︾ ᠤᠨ ᠪᠠᠶᠢᠭᠤᠯᠤᠯᠳᠠ ᠶᠢ ᠬᠡᠷᠡᠭᠵᠢᠬᠦᠯᠦᠨ᠎ᠡ᠃ ᠠᠭᠤᠰᠤᠯᠴᠠᠨ ᠬᠦᠭᠵᠢᠬᠦ ᠶᠢ ᠬᠦᠴᠦ | ᠳᠠᠯᠪᠢᠨ ᠠᠬᠢᠭᠤᠯᠵᠤ᠂ ᠤᠯᠠᠮᠵᠢᠯᠠᠯᠳᠤ ᠳᠠᠪᠤᠰᠤᠨ ᠨᠠᠭᠤᠷ᠂ ᠰᠢᠵᠢᠷ ᠠᠯᠳᠠᠨ ᠤ ᠦᠢᠯᠡᠳᠪᠦᠷᠢᠯᠡᠯ ᠤᠨ ᠠᠵᠤ | ᠠᠬᠤᠶᠢᠯᠠᠯ ᠤᠨ ᠳᠠᠩ ᠴᠤᠯᠭᠤᠢ ᠠᠵᠤ ᠦᠢᠯᠡᠳᠪᠦᠷᠢ ᠶᠢᠨ ᠬᠦᠭᠵᠢᠯᠳᠡ ᠠᠴᠠ ᠪᠠᠨ ᠠᠮᠢ ᠠᠬᠤᠢ ᠶᠢᠨ | ᠬᠠᠮᠠᠭᠠᠯᠠᠯᠳᠠ ᠪᠠ ᠵᠢᠭᠤᠯᠴᠢᠯᠠᠯ ᠤᠨ ᠨᠡᠬᠡᠬᠡᠯᠳᠡ ᠶᠢᠨ ᠤᠯᠠᠨ ᠶᠠᠩᠵᠤᠳᠤ ᠴᠢᠨᠠᠷᠳᠠᠢ ᠪᠤᠯᠭᠠᠨ ᠬᠦᠭᠵᠢᠬᠦᠯᠬᠦ︔ | ᠳᠤᠭᠤᠷᠢᠨ ᠵᠢᠭᠤᠯᠴᠢᠯᠠᠬᠤ᠂ ᠣᠶᠢᠯᠭᠠᠯᠳᠡ ᠶᠢᠨ ᠴᠢᠨᠠᠷᠲᠠᠢ ᠵᠢᠭᠤᠯᠴᠢᠯᠠᠯ᠂ ᠪᠡᠶ᠎ᠡ ᠳᠠᠮᠢᠷ ᠤᠨ ᠵᠢᠭᠤᠯᠴᠢᠯᠠᠯ᠂ ᠡᠷᠡᠬᠦᠯ | ᠮᠠᠨᠳᠦ ᠶᠢᠨ ᠵᠢᠭᠤᠯᠴᠢᠯᠠᠯ ᠵᠡᠷᠬᠡ ᠠᠵᠤ ᠦᠢᠯᠡᠰ ᠤᠨ ᠪᠠᠶᠢᠳᠠᠯ ᠢ ᠶᠡᠭᠡ ᠬᠦᠴᠦ ᠪᠠᠷ ᠬᠦᠭᠵᠢᠬᠦᠯᠵᠤ᠂ ᠡᠯᠡᠰᠦ | ᠮᠠᠩᠬᠠᠨ ᠤ ᠠᠶᠠᠯᠠᠨ ᠬᠡᠬᠡᠷᠡᠯᠡᠬᠦ᠂ ᠱᠠᠰᠢᠨ ᠰᠤᠷᠳᠠᠬᠤᠨ ᠤ ᠳᠡᠦᠬᠡ᠂ ᠡᠷᠳᠡᠨᠢ ᠶᠢᠨ ᠴᠢᠯᠠᠭᠤ᠂ ᠬᠠᠰ ᠴᠢᠯᠠᠭᠤ᠂ | ᠦᠵᠡᠮᠦᠷᠢ ᠶᠢᠨ ᠴᠢᠯᠠᠭᠤ᠂ ᠦᠨᠳᠦᠰᠦᠳᠡᠨ ᠤ ᠵᠠᠩ ᠦᠢᠯᠡ᠂ ᠪᠤᠭᠤᠮᠳᠠ ᠶᠢᠨ ᠪᠦᠳᠦᠬᠡᠨ ᠪᠠᠶᠢᠭᠤᠯᠤᠯᠳᠠ ᠪᠠ | ᠵᠢᠭᠤᠯᠴᠢᠯᠠᠯ ᠢ ᠤᠶᠠᠯᠳᠤᠭᠤᠯᠤᠨ ᠬᠦᠭᠵᠢᠬᠦᠯᠬᠦ︔ ᠭᠠᠵᠠᠷ ᠤᠷᠤᠨ ᠤ ᠬᠠᠮᠵᠢᠯᠴᠠᠭ᠎ᠠ ᠬᠤᠯᠪᠤᠭ᠎ᠠ ᠪᠠᠨ | ᠬᠦᠨᠵᠡᠬᠡᠶᠢᠷᠡᠬᠦᠯᠵᠤ᠂ ᠬᠦᠷᠰᠢ ᠵᠡᠷᠭᠡᠯᠡᠳᠡᠭᠡ ᠭᠠᠵᠠᠷ ᠤᠷᠤᠨ ᠤ ᠵᠢᠭᠤᠯᠴᠢᠯᠠᠯ ᠲᠠᠢ ᠰᠠᠨᠠᠭᠠᠴᠢᠯᠠᠭ᠎ᠠ ᠠᠴᠠ ᠪᠠᠨ | ᠤᠶᠠᠯᠳᠤᠭᠤᠯᠤᠨ ᠬᠦᠭᠵᠢᠬᠦᠯᠬᠦ︔ ︽ᠬᠥᠭᠵᠢᠶᠡᠨ ᠦᠭᠡᠢ ᠣᠯᠠᠷᠢᠯ︾ ᠤᠨ ᠵᠢᠭᠤᠯᠴᠢᠯᠠᠯ ᠤᠨ ᠡᠬᠢ ᠪᠠᠶᠠᠯᠢᠭ ᠢ | ᠢᠳᠡᠪᠬᠢᠳᠡᠢ ᠨᠡᠬᠡᠬᠡᠨ ᠬᠦᠭᠵᠢᠬᠦᠯᠵᠤ᠂ ᠳᠦᠷᠪᠡᠨ ᠤᠯᠠᠷᠢᠯ ᠤᠨ ᠵᠢᠭᠤᠯᠴᠢᠯᠠᠯ ᠢ ᠠᠬᠢᠭᠤᠯᠵᠤ ᠬᠦᠭᠵᠢᠬᠦᠯᠬᠦ ᠶᠢ | ᠬᠦᠴᠦᠯᠡᠨ ᠠᠬᠢᠭᠤᠯᠤᠨ᠎ᠠ᠃ ᠵᠢᠭᠤᠯᠴᠢᠯᠠᠯ ᠤᠨ ᠲᠦᠷᠦᠯ ᠳᠡᠮᠳᠡᠭ ᠢ ᠡᠬᠦᠳᠦᠨ ᠪᠦᠳᠦᠬᠡᠬᠦ ᠠᠯᠬᠤᠴᠠ ᠪᠠᠨ | ᠳᠦᠷᠬᠡᠳᠬᠡᠵᠤ᠂ ᠬᠡᠬᠡᠷᠡᠯᠡᠨ ᠳᠤᠭᠤᠯᠬᠤ e ᠠᠩᠬᠢ ᠶᠢᠨ ᠪᠠᠭᠠᠳᠤᠷᠴᠤᠳ ᠤᠨ ᠴᠤᠭᠯᠠᠭᠠᠨ᠂ ᠳᠠᠯ᠎ᠠ ᠨᠤᠳᠤᠭ ᠤᠨ | ᠨᠠᠭᠠᠳᠤᠮ᠂ ᠦᠵᠡᠮᠦᠷᠢ ᠶᠢᠨ ᠴᠢᠯᠠᠭᠤᠨ ᠤ ᠰᠤᠶᠤᠯ ᠵᠢᠭᠤᠯᠴᠢᠯᠠᠯ ᠤᠨ ᠨᠠᠶᠢᠷ ᠵᠡᠷᠬᠡ ᠰᠤᠶᠤᠯ ᠵᠢᠭᠤᠯᠴᠢᠯᠠᠯ ᠤᠨ | ᠠᠵᠢᠯᠠᠯᠭ᠎ᠠ ᠶᠢ ᠦᠨᠳᠦᠷ ᠪᠠᠷᠢᠮᠵᠢᠶ᠎ᠠ ᠲᠠᠢ ᠡᠷᠬᠢᠯᠡᠵᠤ᠂ ︽ᠬᠠᠨ ᠳᠡᠭᠷᠢ ᠶᠢᠨ ᠠᠷᠢᠭᠤᠨ ᠤᠷᠤᠨ᠂ ᠳᠤᠷᠭᠠᠨ ᠵᠠᠮ | ᠤᠨ ᠳᠡᠮᠡᠬᠡᠳᠤ ᠨᠤᠳᠤᠭ︾ ᠤᠨ ᠲᠦᠷᠦᠯ ᠳᠡᠮᠳᠡᠭ ᠤᠨ ᠨᠦᠯᠦᠬᠡ ᠶᠢ ᠦᠷᠬᠡᠳᠬᠡᠨ᠎ᠡ᠃ ᠳᠤᠤᠷ ᠰᠦᠯᠵᠢᠶ᠎ᠡ | ᠵᠡᠷᠬᠡ ᠰᠢᠨ᠎ᠡ ᠵᠠᠭᠤᠴᠢᠯᠠᠭᠤᠷ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠪᠦᠬᠦ ᠨᠡᠶᠢᠬᠡᠮ ᠤᠨ ᠵᠢᠭᠤᠯᠴᠢᠯᠠᠯ | ᠢ ᠤᠬᠠᠭᠤᠯᠵᠤ ᠳᠠᠨᠢᠯᠴᠠᠭᠤᠯᠬᠤ ᠳᠤ ᠤᠷᠤᠯᠴᠠᠬᠤ ᠠᠭᠤᠷ ᠠᠮᠢᠰᠬᠤᠯ ᠢ ᠪᠦᠷᠢᠯᠳᠦᠬᠦᠯᠦᠨ᠎ᠡ᠃ ᠤᠨᠴᠠᠯᠢᠭᠳᠤ | ᠵᠢᠭᠤᠯᠴᠢᠯᠠᠯ ᠤᠨ ᠳᠠᠸᠠᠷ ᠤᠨ ᠠᠵᠤ ᠦᠢᠯᠡᠰ ᠢ ᠪᠤᠯᠪᠠᠰᠤᠷᠠᠭᠤᠯᠵᠤ᠂ ︽ᠠᠯᠠᠱᠠ ᠠᠶᠢᠯ︾᠂ ︽ᠠᠯᠠᠱᠠ ᠶᠢᠨ | ᠪᠡᠯᠡᠭ︾ ᠬᠠᠮᠳᠤ ᠶᠢᠨ ᠳᠠᠸᠠᠷ ᠤᠨ ᠳᠡᠮᠳᠡᠭ ᠢ ᠳᠠᠩᠰᠠᠯᠠᠵᠤ᠂ ᠠᠯᠠᠱᠠ ᠬᠠᠰ ᠤᠨ ᠭᠠᠵᠠᠷ ᠵᠦᠢ ᠶᠢᠨ ᠳᠡᠮᠳᠡᠭ ᠤᠨ | ᠪᠦᠳᠦᠬᠡᠭᠳᠡᠬᠦᠨ ᠤ ᠬᠠᠮᠠᠭᠠᠯᠠᠯᠳᠠ ᠶᠢ ᠦᠷᠨᠢᠬᠦᠯᠵᠤ᠂ ᠵᠢᠭᠤᠯᠴᠢᠯᠠᠯ ᠤᠨ ᠳᠠᠸᠠᠷ ᠤᠨ ᠤᠷᠠᠨ ᠰᠡᠳᠬᠢᠮᠵᠢ ᠶᠢᠨ | ᠮᠥᠷᠦᠶᠢᠴᠡᠭᠡᠨ ᠢ ᠡᠷᠬᠢᠯᠡᠨ᠎ᠡ᠃ ᠡᠯᠧᠭᠲᠷᠤᠨ ᠬᠤᠳᠠᠯᠳᠤᠭᠠᠨ ᠤ ᠬᠦᠭᠵᠢᠯᠳᠡ ᠶᠢ ᠳᠦᠷᠬᠡᠳᠬᠡᠨ᠎ᠡ᠃ ︽ | ᠢᠨᠲ᠋ᠧᠷᠨᠧᠲ +︾᠂ ︽ᠵᠢᠭᠤᠯᠴᠢᠯᠠᠯ +︾ ᠵᠡᠷᠬᠡ ᠰᠢᠨ᠎ᠡ ᠬᠡᠯᠪᠡᠷᠢ ᠮᠠᠶ᠋ᠢᠭ ᠢ ᠠᠰᠢᠭᠯᠠᠨ᠂ ᠡᠯᠧᠺᠲᠷᠤᠨ | ᠬᠤᠳᠠᠯᠳᠤᠭ᠎ᠠ ᠬᠦᠳᠡᠭᠡ ᠳᠤᠰᠬᠤᠨ ᠳᠤ ᠤᠷᠤᠭᠰᠠᠨ ᠵᠢᠱᠢᠶᠡᠴᠢ ᠬᠤᠰᠢᠭᠤ ᠶᠢ ᠭᠤᠶᠤᠴᠢᠯᠠᠨ ᠮᠡᠳᠡᠬᠦᠯᠵᠤ᠂ | ᠪᠤᠷᠤᠯᠠᠭᠤᠯᠤᠯᠳᠠ ᠶᠢᠨ ᠳᠤᠭ᠎ᠠ ᠨᠢ ᠮᠢᠩᠭᠠᠨ ᠳᠦᠮᠡᠨ ᠲᠥᠭᠦᠷᠢᠭ ᠠᠴᠠ ᠳᠡᠬᠡᠭᠰᠢᠬᠢ 1 ᠠᠴᠠ 2 ᠡᠯᠧᠺᠲᠷᠤᠨ | ᠬᠤᠳᠠᠯᠳᠤᠭᠠᠨ ᠤ ᠠᠵᠤ ᠠᠬᠤᠶᠢᠯᠠᠯ᠂ 1 ᠠᠴᠠ 2 ᠡᠯᠧᠺᠲᠷᠤᠨ ᠬᠤᠳᠠᠯᠳᠤᠭᠠᠨ ᠤ ᠪᠤᠳᠠᠰ ᠤᠨ ᠬᠦᠢᠯᠬᠡᠬᠡᠨ ᠤ | ᠳᠤᠬᠢᠷᠠᠭᠤᠯᠤᠨ ᠬᠦᠷᠬᠡᠬᠦ ᠳᠦᠪ ᠢ ᠪᠠᠶᠢᠭᠤᠯᠤᠨ᠎ᠠ᠃ ᠬᠡᠷᠡᠭᠯᠡᠬᠡᠨ ᠤ ᠵᠠᠬ᠎ᠠ ᠳᠡᠯᠬᠡᠬᠦᠷ ᠢ ᠶᠡᠭᠡ ᠬᠦᠴᠦ ᠪᠠᠷ | ᠪᠤᠯᠪᠠᠰᠤᠷᠠᠭᠤᠯᠤᠨ᠎ᠠ᠃ ᠢᠳᠡᠬᠡᠨ ᠤᠮᠳᠠᠭᠠᠨ ᠵᠤᠴᠢᠳ ᠤᠨ ᠪᠠᠭᠤᠳᠠᠯ᠂ ᠨᠠᠭᠠᠳᠤᠮ ᠴᠡᠩᠬᠡᠬᠡᠨ᠂ ᠬᠡᠷᠡᠭᠯᠡᠭᠡ ᠳᠠᠸᠠᠷ | ᠬᠤᠳᠠᠯᠳᠤᠨ ᠠᠪᠬᠤ ᠵᠡᠷᠬᠡ ᠦᠢᠯᠡᠴᠢᠯᠡᠬᠡᠨ ᠤ ᠦᠢᠯᠡᠰ ᠤᠨ ᠬᠦᠭᠵᠢᠯᠳᠡ ᠶᠢ ᠠᠬᠢᠭᠤᠯᠵᠤ᠂ | ᠨᠠᠷᠢᠯᠢᠭᠵᠢᠭᠤᠯᠤᠭᠰᠠᠨ᠂ ᠴᠢᠨᠠᠷ ᠳᠡᠬᠡᠭᠰᠢᠯᠡᠬᠦᠯᠦᠭᠰᠡᠨ ᠬᠢᠷᠢ ᠳᠦᠪᠰᠢᠨ ᠢ ᠳᠡᠬᠡᠭᠰᠢᠯᠡᠬᠦᠯᠵᠤ᠂ ᠬᠡᠷᠡᠭᠯᠡᠬᠡᠨ ᠤ ᠳᠡᠰ | ᠳᠡᠪᠰᠢᠨ ᠲᠤᠭ᠎ᠠ ᠨᠡᠮᠡᠭᠳᠡᠬᠦ ᠶᠢ ᠠᠬᠢᠭᠤᠯᠤᠨ᠎ᠠ︔ ᠴᠡᠷᠢᠭ ᠠᠷᠠᠳ ᠤᠨ ᠬᠠᠷᠢᠯᠴᠠᠭ᠎ᠠ ᠶᠢ ᠰᠠᠶᠢᠵᠢᠷᠠᠭᠤᠯᠵᠤ᠂ | ᠤᠯᠤᠰ ᠤᠨ ᠪᠠᠳᠤᠯᠠᠨ ᠬᠠᠮᠠᠭᠠᠯᠠᠯᠳᠠ ᠶᠢᠨ ᠳᠤᠷᠰᠢᠯᠳᠠ᠂ ᠪᠤᠳᠠᠳᠠᠢ ᠪᠤᠯᠪᠠᠰᠤᠷᠠᠯ ᠬᠢᠬᠡᠳ ᠪᠦᠳᠦᠬᠡᠨ | ᠪᠠᠶᠢᠭᠤᠯᠤᠯᠳᠠ ᠶᠢ ᠳᠡᠮᠵᠢᠬᠦ ᠪᠠ ᠪᠠᠳᠤᠯᠠᠵᠤ᠂ ᠭᠤᠷᠪᠠᠳᠤᠭᠠᠷ ᠠᠵᠤ ᠦᠢᠯᠡᠰ ᠤᠨ ᠬᠦᠭᠵᠢᠯᠳᠡ ᠶᠢ ᠳᠠᠶᠢᠴᠢᠯᠠᠨ᠎ᠠ᠃ | | ᠭᠤᠷᠪᠠ᠂ ᠬᠥᠭᠵᠢᠯᠳᠡᠶᠢᠨ ᠳᠣᠳᠠᠭᠳᠠᠯ ᠲᠠᠢ ᠲᠠᠯ᠎ᠠ ᠶᠢ ᠴᠢᠷᠮᠠᠶᠢᠨ ᠨᠥᠬᠦᠪᠥᠷᠢᠯᠡᠨ ᠪᠥᠷᠢᠳᠥᠭᠦᠯᠵᠥ᠂ ᠬᠥᠭᠵᠢᠯᠳᠡ | ᠶᠢᠨ ᠰᠠᠭᠤᠷᠢ ᠨᠥᠭᠦᠴᠡᠯ ᠢ ᠪᠠᠬᠢᠵᠢᠭᠦᠯᠥᠨ᠎ᠡ᠃ | ︽ᠪᠥᠬᠦ ᠲᠠᠯ᠎ᠠ︾ ᠶᠢᠨ ᠦᠵᠡᠯ ᠣᠬᠠᠮᠰᠠᠷ ᠢ ᠪᠠᠳᠣ ᠪᠠᠬᠢ ᠪᠤᠢ ᠪᠣᠯᠭᠠᠵᠣ᠂ ᠠᠮᠢ ᠠᠬᠤᠢ ᠶᠢᠨ ᠬᠤᠷᠢᠭ᠎ᠠ ᠱᠣᠭᠤᠮ | ᠢ ᠴᠢᠩᠭ᠎ᠠ ᠪᠠᠷ ᠰᠠᠬᠢᠨ᠂ ᠰᠠᠭᠤᠷᠢ ᠪᠠᠨ ᠪᠠᠬᠢᠵᠢᠭᠦᠯᠥᠨ ᠠᠯᠣᠰ ᠬᠡᠳᠣ ᠶᠢ ᠪᠣᠳᠣᠯᠬᠢᠯᠠᠵᠣ᠂ ᠭᠤᠣᠯᠳᠠᠯᠭ᠎ᠠ ᠶᠢ | ᠲᠣᠪᠣᠶᠢᠯᠭᠠᠨ ᠰᠢᠪᠳᠣᠯᠣᠯᠳᠠ ᠶᠢ ᠡᠷᠢᠯᠬᠢᠯᠡᠵᠥ᠂ ᠬᠠᠯᠬᠠᠪᠴᠢ ᠪᠠᠨ ᠰᠠᠶᠢᠳᠣᠷ ᠪᠠᠶᠢᠭᠤᠯᠣᠨ ᠬᠥᠭᠵᠢᠯᠳᠡ ᠪᠠᠨ | ᠪᠠᠳᠣᠯᠠᠵᠣ᠂ ᠰᠠᠭᠤᠷᠢ ᠪᠠᠨ ᠲᠠᠯᠪᠢᠵᠣ ᠬᠥᠭᠵᠢᠯᠳᠡ ᠪᠠᠨ ᠠᠬᠢᠭᠤᠯᠣᠨ᠂ ᠠᠵᠣ ᠠᠬᠤᠢ ᠨᠡᠶᠢᠬᠡᠮ ᠤᠨ ᠨᠥᠬᠡᠴᠡ | ᠬᠥᠴᠥ ᠪᠠᠨ ᠲᠠᠰᠣᠷᠠᠯᠳᠠ ᠥᠭᠡᠢ ᠡᠷᠴᠢᠮᠵᠢᠭᠦᠯᠥᠨᠡ᠃ | ︵ᠨᠢᠬᠡ︶ ᠣᠷᠴᠢᠨ ᠲᠣᠭᠤᠷᠢᠨ ᠤ ᠬᠠᠮᠠᠭᠠᠯᠠᠯᠳᠠ ᠶᠢᠨ ᠪᠠᠶᠢᠭᠤᠯᠣᠯᠳᠠ ᠶᠢᠨ ᠵᠠᠰᠠᠯᠳᠠ ᠪᠠᠨ ᠴᠢᠩᠭᠠᠷᠠᠭᠤᠯᠣᠨ᠎ᠠ᠃ | ᠠᠮᠢ ᠠᠬᠤᠢ ᠶᠢᠨ ᠤᠷᠴᠢᠨ ᠳᠤᠭᠤᠷᠢᠨ ᠤ ᠦᠷᠬᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠣᠯᠣᠰ ᠤᠨ | ᠭᠤᠣᠯᠳᠠᠯᠭᠠᠳᠣ ᠠᠮᠢ ᠠᠬᠤᠢ ᠶᠢᠨ ᠴᠢᠳᠡᠪᠬᠢᠳᠣ ᠣᠷᠣᠨ ᠪᠣᠯᠣᠨ ᠥᠪᠡᠷᠳᠡᠭᠡᠨ ᠵᠠᠰᠠᠬᠤ ᠣᠷᠣᠨ ᠤ ᠭᠤᠣᠯ | ᠴᠣᠭᠴᠠᠳᠣ ᠴᠢᠳᠡᠪᠬᠢᠳᠣ ᠣᠷᠣᠨ ᠤ ᠲᠥᠯᠥᠪᠵᠢᠭᠦᠯᠭᠡ ᠶᠢ ᠨᠠᠶᠢᠳᠠᠪᠣᠷᠢᠵᠢᠭᠤᠯᠣᠨ᠎ᠠ᠃ ᠮᠠᠯᠵᠢᠯ ︵ᠲᠠᠷᠢᠶᠠᠯᠠᠬᠤ︶ | ᠶᠢ ᠵᠣᠭᠰᠣᠭᠠᠨ ᠪᠡᠯᠴᠢᠭᠡᠷ ᠢ ᠰᠡᠷᠭᠦᠭᠡᠭᠦ᠂ ᠪᠠᠶᠢᠭᠠᠯᠯᠢᠭ ᠣᠢ ᠶᠢᠨ ᠬᠠᠮᠠᠭᠠᠯᠠᠯᠳᠠ᠂ ᠭᠤᠷᠪᠠᠨ ᠣᠮᠠᠷᠠᠳᠣ ᠶᠢᠨ | ᠬᠠᠯᠬᠠᠪᠴᠢ ᠶᠢᠨ ᠣᠢ᠂ ᠬᠥᠪᠡᠭᠡ ᠵᠠᠬ᠎ᠠ ᠪᠠᠨ ᠨᠣᠭᠤᠭᠠᠷᠠᠭᠤᠯᠣᠨ ᠬᠤᠳᠠ ᠪᠠᠨ ᠬᠠᠮᠠᠭᠠᠯᠠᠬᠤ ᠵᠡᠷᠭᠡ ᠭᠤᠣᠯᠳᠠᠯᠭ᠎ᠠ | ᠲᠠᠢ ᠠᠮᠢ ᠠᠬᠤᠢ ᠶᠢᠨ ᠪᠥᠳᠥᠭᠡᠨ ᠪᠠᠶᠢᠭᠤᠯᠣᠯᠳᠠ ᠶᠢ ᠦᠷᠭᠦᠯᠵᠢᠯᠡᠨ ᠬᠡᠷᠡᠭᠵᠢᠭᠦᠯᠵᠤ᠂ ᠨᠢᠰᠭᠡᠯ ᠢᠶᠠᠷ | ᠣᠶᠢᠵᠢᠭᠤᠯᠬᠤ᠂ ᠪᠢᠳᠡᠭᠦᠮᠵᠢᠯᠡᠨ ᠪᠣᠶᠢᠵᠢᠭᠤᠯᠬᠤ ᠪᠠ ᠬᠥᠮᠥᠨ ᠤ ᠬᠥᠴᠥ ᠪᠠᠷ 73 ᠲᠥᠮᠡᠨ ᠮᠣ᠋ ᠭᠠᠵᠠᠷ ᠢ | ᠣᠶᠢᠵᠢᠭᠤᠯᠵᠣ᠂ 3 ᠲᠥᠮᠡᠨ ᠮᠣ᠋ ᠭᠤᠣᠯᠳᠠᠯᠭ᠎ᠠ ᠲᠠᠢ ᠣᠷᠣᠨ ᠢ ᠨᠣᠭᠤᠭᠠᠷᠠᠭᠤᠯᠣᠨ᠎ᠠ᠃ ᠮᠠᠯᠵᠢᠬᠤ ᠲᠠᠷᠢᠶᠠᠯᠠᠬᠤ | ᠣᠷᠣᠨ ᠤ ᠠᠮᠢ ᠠᠬᠤᠢ ᠶᠢᠨ ᠬᠠᠮᠢᠶᠠᠷᠤᠯᠳᠡ ᠳᠤ ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠬᠦ ᠶᠢ ᠴᠢᠩᠭᠠᠳᠬᠠᠵᠤ᠂ | ᠮᠠᠯᠵᠢᠬᠤ ᠶᠢ ᠵᠣᠭᠰᠣᠭᠠᠬᠤ ᠪᠠ ᠪᠡᠯᠴᠢᠭᠡᠷ ᠮᠠᠯ ᠢ ᠲᠡᠩᠴᠡᠭᠦᠷᠢᠰᠢᠭᠦᠯᠬᠦ ᠶᠢ ᠬᠢᠨᠠᠨ ᠬᠠᠮᠢᠶᠠᠷᠬᠤ ᠠᠷᠭ᠎ᠠ ᠶᠢ ᠴᠢᠩᠭ᠎ᠠ | ᠪᠠᠷ ᠬᠡᠷᠡᠭᠵᠢᠭᠦᠯᠥᠨ᠂ ᠣᠢ ᠰᠢᠭᠤᠢ ᠶᠢᠨ ᠡᠪᠡᠰᠣ ᠪᠡᠯᠴᠢᠭᠡᠷ ᠤᠨ ᠡᠬᠢ ᠰᠣᠷᠪᠣᠯᠵᠢ ᠶᠢ ᠬᠢᠨᠠᠨ ᠬᠡᠮᠵᠢᠬᠦ ᠪᠠ ᠭᠠᠢ | ᠭᠠᠮᠰᠢᠭ ᠤᠨ ᠰᠡᠷᠭᠡᠶᠢᠯᠡᠯᠳᠡ ᠵᠠᠰᠠᠯᠳᠠ ᠶᠢ ᠴᠢᠩᠭᠠᠳᠬᠠᠨ᠎ᠠ᠃ ᠪᠣᠬᠢᠷᠳᠣᠯ ᠢ ᠰᠡᠷᠭᠡᠶᠢᠯᠡᠨ ᠪᠣᠬᠢᠷᠳᠣᠯ ᠢ ᠵᠠᠰᠠᠬᠤ | ᠠᠵᠢᠯ ᠢ ᠥᠨᠡᠨᠬᠦ ᠰᠠᠶᠢᠳᠣᠷ ᠬᠢᠨ᠎ᠡ᠃ ᠣᠷᠣᠨ ᠵᠠᠢ᠂ ᠶᠡᠷᠥᠩᠬᠡᠢ ᠬᠡᠮᠵᠢᠶ᠎ᠡ᠂ ᠵᠥᠪᠰᠢᠶᠡᠷᠡᠨ ᠣᠷᠣᠭᠤᠯᠬᠤ ᠭᠤᠷᠪᠠᠨ | ᠵᠣᠷᠪᠣᠰ ᠬᠤᠷᠢᠭ᠎ᠠ ᠱᠣᠭᠤᠮ ᠢ ᠴᠢᠩᠭ᠎ᠠ ᠪᠠᠷ ᠰᠠᠬᠢᠵᠣ᠂ ᠡᠬᠢ ᠡᠭᠦᠰᠪᠥᠷᠢ ᠠᠴᠠ ᠨᠢ ᠬᠠᠮᠢᠶᠠᠷᠥᠨ ᠬᠢᠵᠠᠭᠠᠷᠯᠠᠬᠤ ᠶᠢ | ᠴᠢᠩᠭᠠᠳᠬᠠᠨ᠂ ᠠᠭᠠᠷ ᠮᠠᠨᠳᠠᠯ᠂ ᠣᠰᠣ ᠪᠣᠯᠣᠨ ᠬᠥᠷᠥᠰᠥ ᠰᠢᠷᠥᠢ ᠶᠢᠨ ᠪᠣᠬᠢᠷᠳᠣᠯ ᠢ ᠰᠡᠷᠭᠡᠶᠢᠯᠡᠨ ᠵᠠᠰᠠᠯᠳᠠ ᠶᠢ | ᠴᠢᠩᠭᠠᠳᠬᠠᠨ᠎ᠠ᠃ ᠭᠤᠣᠯᠳᠠᠯᠭ᠎ᠠ ᠲᠠᠢ ᠭᠠᠵᠠᠷ ᠣᠷᠣᠨ᠂ ᠭᠤᠣᠯᠳᠠᠯᠭ᠎ᠠ ᠲᠠᠢ ᠲᠣᠬᠠᠶᠢᠯᠠᠭᠰᠠᠨ ᠠᠵᠢᠯ ᠣᠶᠢᠯᠡᠰ ᠤᠨ | ᠣᠷᠴᠢᠨ ᠲᠣᠭᠤᠷᠢᠨ ᠤ ᠬᠡᠮ ᠠᠷᠬᠠᠭ ᠤᠨ ᠠᠰᠠᠭᠤᠳᠠᠯ ᠢ ᠲᠥᠪᠯᠡᠷᠡᠭᠦᠯᠥᠨ ᠪᠠᠶᠢᠴᠠᠭᠠᠨ ᠵᠠᠰᠠᠬᠤ ᠶᠢ ᠥᠷᠭᠦᠯᠵᠢᠯᠡᠨ | ᠠᠬᠢᠭᠤᠯᠵᠣ᠂ ᠣᠷᠴᠢᠨ ᠲᠣᠭᠤᠷᠢᠨ ᠤ ᠬᠡᠮ ᠠᠷᠬᠠᠭ ᠢ ᠲᠣᠶᠢᠯᠪᠣᠷᠢᠲᠠᠢ ᠠᠷᠢᠯᠭᠠᠨ᠎ᠠ᠃ ᠣᠷᠴᠢᠨ ᠲᠣᠭᠤᠷᠢᠨ ᠤ | ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠥᠯᠳᠡ ᠶᠢᠨ ᠬᠥᠴᠥᠯᠡᠴᠡ ᠪᠠᠨ ᠨᠡᠮᠡᠭᠳᠡᠭᠦᠯᠵᠥ᠂ ᠬᠠᠣᠯᠢ ᠴᠠᠭᠠᠵᠠ ᠶᠢᠨ | ᠬᠠᠷᠢᠯᠴᠠᠨ ᠬᠥᠳᠡᠯᠥᠯᠴᠡᠬᠦ ᠶᠢ ᠴᠢᠩᠭᠠᠳᠬᠠᠨ᠂ ᠥᠨᠳᠥᠷ ᠲᠠᠷᠥᠯᠳᠠ ᠥᠵᠡᠭᠦᠯᠬᠦ ᠪᠠᠶᠢᠳᠠᠯ ᠪᠠ ᠲᠠᠷᠥᠯᠳᠠ ᠪᠠᠷ | ᠳᠠᠮᠵᠢᠭᠤᠯᠣᠨ ᠣᠳᠣᠷᠢᠳᠬᠤ ᠪᠠᠶᠢᠩᠭᠤ ᠶᠢᠨ ᠪᠠᠶᠢᠳᠠᠯ ᠢ ᠪᠠᠶᠢᠭᠤᠯᠵᠣ᠂ ᠣᠷᠴᠢᠨ ᠲᠣᠭᠤᠷᠢᠨ ᠤ ᠬᠠᠮᠠᠭᠠᠯᠠᠯᠳᠠ ᠶᠢᠨ | ᠬᠠᠣᠯᠢ ᠵᠥᠷᠢᠴᠡᠬᠦ ᠠᠵᠢᠯᠯᠠᠭ᠎ᠠ ᠳᠤ ᠴᠢᠩᠭ᠎ᠠ ᠪᠠᠷ ᠴᠣᠬᠢᠯᠳᠠ ᠥᠭᠭᠦᠨ᠎ᠡ᠃ ᠭᠠᠵᠠᠷ ᠰᠢᠨᠵᠢᠯᠡᠭᠡᠨ ᠤ ᠣᠷᠴᠢᠨ | ᠲᠣᠭᠤᠷᠢᠨ ᠤ ᠵᠠᠰᠠᠯᠳᠠ ᠶᠢ ᠴᠢᠩᠭᠠᠷᠠᠭᠤᠯᠣᠨ᠎ᠠ᠃ᠭᠤᠣᠯᠳᠠᠯᠭ᠎ᠠ ᠲᠠᠢ ᠠᠭᠤᠷᠬᠠᠢ ᠶᠢᠨ ᠣᠷᠣᠨ ᠤ ᠣᠷᠴᠢᠨ | ᠲᠣᠭᠤᠷᠢᠨ ᠤ ᠴᠡᠭᠴᠡᠯᠡᠯᠳᠡ ᠶᠢᠨ ᠲᠥᠯᠥᠪᠵᠢᠭᠦᠯᠭᠡ ᠶᠢ ᠨᠠᠶᠢᠷᠠᠭᠤᠯᠣᠨ ᠲᠣᠭᠳᠠᠭᠠᠵᠣ᠂ ᠵᠡᠭᠦᠨ ᠪᠡᠯ᠂ | ᠪᠠᠶᠠᠨᠨᠢᠷᠣᠭᠤᠨ ᠤ ᠠᠭᠤᠷᠬᠠᠢ ᠶᠢᠨ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠶᠡᠷᠥᠩᠬᠡᠶᠢᠯᠡᠭᠰᠡᠨ | ᠴᠡᠭᠴᠡᠯᠡᠯᠳᠡ ᠶᠢᠨ ᠳᠠᠷᠠᠭᠠᠬᠢ ᠥᠷᠭᠦᠯᠵᠢᠯᠡᠯ ᠠᠵᠢᠯ ᠢ ᠰᠠᠶᠢᠳᠣᠷ ᠬᠢᠨ᠎ᠡ᠃ ᠲᠣᠰᠬᠠᠢ ᠲᠥᠷᠥᠯ ᠤᠨ ᠪᠡᠯᠡ ᠮᠥᠩᠬᠦ | ᠶᠢ ᠢᠳᠡᠪᠬᠢᠲᠠᠢ ᠪᠠᠷ ᠴᠢᠷᠮᠠᠶᠢᠨ ᠣᠯᠵᠣ᠂ ᠬᠤᠸᠠᠷᠠᠨ ᠤ ᠰᠢᠯᠢ ᠶᠢᠨ ᠲᠣᠭᠤᠷᠢᠨ ᠳᠠᠬᠢ ᠥᠵᠡᠮᠥᠷᠢ ᠶᠢᠨ ᠭᠠᠵᠠᠷ ᠤᠨ | ᠲᠣᠮᠣ ᠬᠡᠯᠪᠡᠷᠢᠳᠣ ᠭᠠᠵᠠᠷ ᠰᠢᠨᠵᠢᠯᠡᠭᠡᠨ ᠤ ᠭᠠᠢ ᠭᠠᠮᠰᠢᠭ ᠤᠨ ᠴᠣᠭᠯᠠᠷᠠᠯ ᠣᠷᠣᠨ᠂ ᠵᠡᠭᠦᠨ ᠪᠡᠯ ᠪᠣᠯᠣᠨ | ᠪᠠᠶᠠᠨᠬᠥ᠋ᠳᠡᠭᠡ ᠣᠷᠣᠨ ᠤ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠤ ᠵᠠᠰᠠᠯᠳᠠ ᠶᠢ ᠬᠡᠷᠡᠭᠵᠢᠭᠦᠯᠥᠨ᠎ᠡ᠃ | ︵ᠬᠤᠶᠠᠷ︶ ᠰᠠᠭᠤᠷᠢ ᠲᠥᠭᠦᠭᠡᠷᠥᠮᠵᠢ ᠶᠢᠨ ᠲᠣᠣᠷ ᠰᠥᠯᠵᠢᠶ᠎ᠡ ᠶᠢ ᠪᠥᠬᠦ ᠲᠠᠯ᠎ᠠ ᠪᠠᠷ ᠪᠠᠶᠢᠭᠤᠯᠣᠨ᠎ᠠ᠃ ᠠᠭᠠᠷ | ᠠᠶᠠᠯᠠᠯ᠂ ᠵᠠᠮ ᠬᠠᠷᠢᠯᠴᠠᠭᠠᠨ ᠤ ᠪᠥᠳᠥᠭᠡᠨ ᠪᠠᠶᠢᠭᠤᠯᠣᠯᠳᠠ ᠶᠢ ᠲᠥᠷᠭᠡᠳᠬᠡᠨ᠎ᠡ᠃ ᠪᠠᠶᠠᠨᠬᠤᠳᠠ ᠶᠢᠨ ᠠᠵᠢᠯ ᠤᠨ | ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠳᠡᠰ ᠲᠡᠪᠰᠢᠭᠦᠯᠥᠨ ᠰᠠᠯᠪᠣᠷᠢ ᠱᠣᠭᠤᠮᠳᠣ ᠨᠢᠰᠬᠡᠯ ᠤᠨ ᠪᠠᠭᠤᠳᠠᠯ ᠪᠣᠯᠭᠠᠬᠤ᠂ | ᠥᠯᠵᠡᠢ ᠪᠣᠭᠤᠮᠳᠠ ᠶᠢᠨ ᠨᠠᠶᠢᠳᠡᠮ ᠬᠡᠷᠡᠭᠯᠡᠭᠡᠨ ᠤ ᠨᠢᠰᠭᠡᠯ ᠤᠨ ᠪᠠᠭᠤᠳᠠᠯ ᠤᠨ ᠡᠬᠢᠨ ᠤ ᠬᠤᠭᠤᠴᠠᠭᠠᠨ ᠤ ᠠᠵᠢᠯ ᠢ | ᠪᠥᠬᠦ ᠬᠥᠴᠥᠨ ᠢᠶᠠᠷ ᠲᠥᠯᠬᠢᠨ ᠠᠬᠢᠭᠤᠯᠵᠣ᠂ ᠮᠣᠩᠭᠤᠯ ᠣᠯᠣᠰ ᠲᠠᠢ ᠰᠢᠭᠤᠳ ᠨᠡᠪᠳᠡᠷᠡᠬᠦ ᠠᠭᠠᠷ ᠤᠨ ᠠᠶᠠᠯᠠᠯ | ᠱᠣᠭᠤᠮ ᠢ ᠲᠥᠰᠥᠪᠯᠡᠨ᠎ᠡ᠃ ᠪᠠᠶᠠᠨᠬᠤᠳᠠ ᠠᠴᠠ ᠢᠷᠭᠠᠢ ᠬᠥᠷᠬᠦ ᠲᠥᠷᠭᠡᠨ ᠬᠤᠷᠳᠣᠴᠠᠳᠣ ᠲᠡᠮᠥᠷ ᠵᠠᠮ ᠤᠨ | ᠪᠥᠳᠥᠭᠡᠨ ᠪᠠᠶᠢᠭᠤᠯᠣᠯᠳᠠ ᠶᠢ ᠢᠳᠡᠪᠬᠢᠲᠠᠢ ᠲᠥᠯᠬᠢᠨ ᠠᠬᠢᠭᠤᠯᠵᠣ᠂ ︽ᠦᠨᠳᠦᠷ ᠬᠤᠷᠳᠣᠴᠠᠳᠣ ᠲᠡᠮᠥᠷ ᠵᠠᠮ ᠤᠨ | ᠴᠠᠭ ᠥᠶ᠎ᠡ︾ ᠳᠤ ᠣᠷᠣᠬᠤ ᠶᠢ ᠲᠥᠷᠭᠡᠳᠬᠡᠨ᠎ᠡ︔ ᠥᠬᠠᠢ ᠠᠴᠠ ᠵᠢᠷᠠᠲᠠᠢ ᠬᠥᠷᠬᠦ ᠲᠡᠮᠣᠷ ᠵᠠᠮ ᠤᠨ ᠴᠢᠳᠠᠪᠬᠢ ᠶᠢ | ᠥᠷᠭᠡᠳᠬᠡᠨ ᠥᠭᠡᠷᠡᠴᠢᠯᠡᠬᠦ ᠲᠥᠷᠥᠯ ᠵᠣᠶᠢᠯ ᠢ ᠬᠡᠷᠡᠭᠵᠢᠭᠦᠯᠵᠥ᠂ ᠥᠬᠠᠢ ᠠᠴᠠ ᠪᠠᠶᠠᠨᠬᠤᠳᠠ᠂ ᠥᠯᠵᠡᠢ ᠠᠴᠠ | ᠪᠠᠶᠠᠨᠬᠤᠳᠠ ᠲᠡᠷᠡᠰᠦᠨ᠂ ᠰᠤᠬᠤᠡᠭᠲᠣ ᠠᠴᠠ ᠥᠯᠵᠡᠢ ᠪᠣᠭᠤᠮᠳᠠ ᠬᠥᠷᠬᠦ ᠲᠡᠮᠣᠷ ᠵᠠᠮ ᠤᠨ ᠡᠬᠢᠨ ᠤ ᠬᠤᠭᠤᠴᠠᠭᠠᠨ | ᠤ ᠠᠵᠢᠯ ᠢ ᠰᠠᠶᠢᠳᠣᠷ ᠠᠳᠬᠤᠵᠣ᠂ ︽ᠠᠷᠪᠠᠨ ᠭᠤᠷᠪᠠᠳᠣᠭᠠᠷ ᠲᠠᠪᠣᠨ ᠵᠢᠯ︾ ᠳᠤ ᠠᠵᠢᠯ ᠡᠬᠢᠯᠡᠭᠦᠯᠬᠦ ᠪᠠᠷ | ᠬᠥᠴᠥᠯᠡᠨᠠ᠃ 40 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠪᠡᠭᠡᠵᠢᠩ ᠠᠴᠠ ᠰᠢᠨᠵᠢᠶᠠᠩ ᠬᠥᠷᠬᠦ | ᠲᠥᠷᠭᠡᠨ ᠵᠠᠮ ᠤᠨ ᠠᠯᠠᠱᠠ ᠵᠡᠭᠦᠨ ᠬᠤᠰᠢᠭᠤᠨ ᠳᠠᠬᠢ ᠬᠡᠰᠡᠭ᠂ ᠪᠠᠶᠠᠨᠬᠤᠳᠠ ᠠᠴᠠ ᠮᠥᠡᠭᠭᠦᠨ ᠬᠥᠷᠬᠦ ᠪᠠ ᠲᠣᠯᠢ | ᠠᠴᠠ ᠲᠡᠷᠡᠰᠦᠨ ᠬᠥᠷᠬᠦ ᠨᠢᠭᠡᠳᠣᠭᠡᠷ ᠳᠡᠰ ᠤᠨ ᠵᠠᠰᠠᠮᠠᠯ ᠵᠠᠮ᠂ ᠲᠣᠩᠭᠠᠯᠠᠭ ᠨᠠᠭᠤᠷ ᠠᠴᠠ ᠡᠷᠬᠡᠬᠠᠰᠬ᠎ᠠ ᠬᠥᠷᠬᠦ | ᠵᠠᠰᠠᠮᠠᠯ ᠵᠠᠮ ᠪᠣᠯᠣᠨ ᠴᠣᠭᠳᠣᠬᠥ᠋ᠷᠢᠶᠡ᠂ ᠪᠠᠶᠠᠨᠨᠢᠷᠣᠭᠤᠨ ᠵᠡᠷᠭᠡ 4 ᠵᠣᠷᠪᠣᠰ ᠠᠶᠠᠯᠠᠯ ᠵᠢᠭᠤᠯᠴᠢᠯᠠᠯ ᠤᠨ | ᠲᠣᠭᠤᠷᠢᠯᠳᠠ ᠶᠢᠨ ᠱᠣᠭᠤᠮ ᠤᠨ ᠠᠵᠢᠯ ᠢ ᠪᠦᠬᠦ ᠲᠠᠯ᠎ᠠ ᠪᠠᠷ ᠳᠠᠭᠤᠰᠬᠠᠵᠤ᠂ ᠱᠠᠩ ᠤᠨ ᠳᠠᠯᠠᠢ ᠠᠴᠠ ᠴᠢᠩ | ᠲᠥᠩ ᠰᠢᠶᠠ ᠬᠥᠷᠬᠦ ᠭᠤᠷᠪᠠᠳᠣᠭᠠᠷ ᠳᠡᠰ ᠤᠨ ᠵᠠᠰᠠᠮᠠᠯ ᠵᠠᠮ ᠤᠨ ᠪᠥᠳᠥᠭᠡᠨ ᠪᠠᠶᠢᠭᠤᠯᠣᠯᠳᠠ ᠶᠢ ᠪᠠᠶᠢᠭᠤᠯᠣᠨ | ᠬᠡᠷᠡᠭᠵᠢᠭᠦᠯᠵᠥ᠂ 306 ᠺᠢᠯᠣᠮᠧᠲᠷ ᠤᠨ ᠬᠥᠳᠡᠭᠡ ᠲᠣᠰᠬᠤᠨ ᠤ ᠵᠠᠰᠠᠮᠠᠯ ᠵᠠᠮ ᠢ ᠰᠢᠨ᠎ᠡ ᠪᠠᠷ ᠪᠠᠶᠢᠭᠤᠯᠤᠨ᠎ᠠ︔ | ᠣᠯᠠᠨᠪᠣᠯᠠᠭ ᠠᠴᠠ ᠪᠠᠶᠠᠨᠬᠤᠳᠠ᠂ ᠥᠬᠠᠢ ᠠᠴᠠ ᠪᠠᠶᠠᠨᠬᠤᠳᠠ ᠬᠥᠷᠬᠦ ᠲᠥᠷᠭᠡᠨ ᠵᠠᠮ ᠪᠣᠯᠣᠨ ᠪᠠᠶᠠᠨᠬᠤᠳᠠ ᠠᠴᠠ | ᠪᠠᠭᠠᠳᠣᠷᠴᠣᠳ ᠤᠨ ᠴᠣᠭᠯᠠᠭᠠᠨ ᠤ ᠲᠠᠯᠠᠪᠠᠢ ᠬᠥᠷᠬᠦ ᠨᠢᠭᠡᠳᠣᠭᠡᠷ ᠳᠡᠰ ᠤᠨ ᠵᠠᠰᠠᠮᠠᠯ ᠵᠠᠮ ᠤᠨ ᠪᠠᠷᠢᠯᠭ᠎ᠠ ᠶᠢ | ᠡᠬᠢᠯᠡᠭᠦᠯᠬᠦ ᠪᠠᠷ ᠴᠢᠷᠮᠠᠶᠢᠨ᠎ᠠ᠃ ᠬᠤᠳᠠ ᠶᠢᠨ ᠶᠠᠪᠣᠳᠠᠯ ᠤᠨ ᠲᠣᠣᠷ ᠤᠨ ᠪᠠᠶᠢᠭᠤᠯᠣᠯᠳᠠ ᠶᠢ ᠲᠥᠷᠭᠡᠳᠬᠡᠨ᠎ᠡ᠃ | ᠪᠠᠶᠠᠨᠬᠤᠳᠠ ᠪᠣᠯᠣᠨ ᠭᠤᠣᠯᠳᠠᠯᠭ᠎ᠠ ᠲᠠᠢ ᠪᠠᠯᠭᠠᠰᠣᠨ ᠤ ᠣᠰᠣ ᠴᠠᠬᠢᠯᠭᠠᠨ ᠲᠣᠯᠠᠭᠠᠯᠠᠮᠵᠢ ᠵᠡᠷᠭᠡ ᠭᠠᠵᠠᠷ ᠲᠣᠣᠷᠠᠬᠢ | ᠬᠤᠭᠤᠯᠠᠢ ᠶᠢᠨ ᠲᠣᠣᠷ᠂ ᠵᠠᠮ ᠨᠡᠪᠳᠡᠷᠡᠯᠭᠡ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠬᠤᠳᠠ ᠶᠢᠨ | ᠶᠠᠪᠣᠳᠠᠯ ᠤᠨ ᠲᠣᠨᠤᠭ ᠲᠥᠬᠦᠭᠡᠷᠥᠮᠵᠢ ᠶᠢ ᠥᠭᠡᠷᠡᠴᠢᠯᠡᠨ ᠰᠠᠶᠢᠵᠢᠷᠠᠭᠤᠯᠬᠤ ᠪᠥᠳᠥᠭᠡᠨ ᠪᠠᠶᠢᠭᠤᠯᠣᠯᠳᠠ ᠶᠢ | ᠴᠢᠩᠭᠠᠷᠠᠭᠤᠯᠵᠣ᠂ 11 ᠵᠣᠷᠪᠣᠰ ᠬᠤᠳᠠ ᠶᠢᠨ ᠶᠠᠪᠣᠳᠠᠯ ᠤᠨ ᠵᠠᠮ ᠨᠡᠪᠳᠡᠷᠡᠯᠭᠡ ᠶᠢᠨ ᠪᠥᠳᠥᠭᠡᠨ ᠪᠠᠶᠢᠭᠤᠯᠣᠯᠳᠠ ᠶᠢ | ᠬᠡᠷᠡᠭᠵᠢᠭᠦᠯᠥᠨ᠂ ᠰᠢᠯᠢᠨ ᠵᠠᠮ ᠢ ᠨᠡᠪᠳᠡᠷᠡᠭᠦᠯᠵᠥ᠂ ᠡᠶ᠎ᠡ ᠨᠠᠶᠢᠷᠠᠮᠳᠠᠭᠤ ᠵᠠᠮ᠂ ᠪᠥᠯᠬᠦᠮᠳᠡᠯ ᠵᠠᠮ ᠵᠡᠷᠭᠡ ᠣᠯᠠᠨ | ᠵᠣᠷᠪᠣᠰ ︽ᠳᠣᠳᠠᠭᠤ ᠵᠠᠰᠤᠭᠰᠠᠨ ᠵᠠᠮ︾ ᠢ ᠨᠠᠪᠳᠡᠷᠡᠭᠦᠯᠵᠦ᠂ ᠬᠤᠳᠠ ᠶᠢᠨ ᠵᠠᠮ ᠤᠨ ᠲᠣᠣᠷ ᠤᠨ ᠪᠢᠴᠢᠯ ᠡᠷᠬᠢᠯᠳᠡ | ᠶᠢ ᠰᠢᠯᠢᠳᠡᠭᠵᠢᠭᠦᠯᠥᠨ᠎ᠡ︔ ᠣᠰᠣ ᠬᠠᠩᠭᠠᠬᠤ᠂ ᠪᠣᠷᠣᠭᠠᠨ ᠤ ᠣᠰᠣ ᠪᠠ ᠪᠣᠬᠢᠷ ᠣᠰᠣᠨ ᠤ ᠭᠠᠵᠠᠷ ᠲᠣᠣᠷᠠᠬᠢ | ᠬᠤᠭᠤᠯᠠᠢ ᠶᠢᠨ ᠲᠣᠣᠷ ᠢ ᠢᠵᠢ ᠪᠥᠷᠢᠯᠳᠥᠭᠦᠯᠥᠨ ᠪᠠᠶᠢᠭᠤᠯᠵᠣ᠂ ᠪᠠᠷᠠᠭᠤᠨ ᠪᠡᠯ ᠤᠨ ᠬᠤᠳᠠ ᠶᠢᠨ ᠶᠠᠪᠣᠳᠠᠯ ᠤᠨ | ᠣᠰᠣ ᠬᠠᠩᠭᠠᠬᠤ ᠬᠤᠭᠤᠯᠠᠢ ᠶᠢᠨ ᠲᠣᠣᠷ ᠢ ᠰᠠᠶᠢᠵᠢᠷᠠᠭᠤᠯᠣᠨ ᠥᠭᠡᠷᠡᠴᠢᠯᠡᠵᠥ᠂ ᠬᠤᠳᠠ ᠪᠠᠯᠭᠠᠰᠣᠨ ᠤ | ᠶᠡᠷᠥᠩᠬᠡᠶᠢᠯᠡᠭᠰᠡᠨ ᠳᠠᠭᠠᠭᠠᠴᠠ ᠪᠣᠯᠣᠨ ᠣᠯᠠᠨ ᠨᠡᠶᠢᠳᠡ ᠶᠢᠨ ᠣᠶᠢᠯᠡᠴᠢᠯᠡᠭᠡᠨ ᠤ ᠴᠢᠳᠠᠪᠣᠷᠢ ᠪᠠᠨ ᠳᠡᠭᠡᠭᠰᠢᠯᠡᠭᠦᠯᠥᠨ᠎ᠡ᠃ | ᠣᠰᠣᠨ ᠠᠰᠢᠭᠯᠠᠯᠳᠠ ᠶᠢᠨ ᠲᠣᠣᠷ ᠤᠨ ᠪᠥᠳᠥᠭᠡᠨ ᠪᠠᠶᠢᠭᠤᠯᠣᠯᠳᠠ ᠶᠢ ᠲᠥᠷᠭᠡᠳᠬᠡᠨ᠎ᠡ᠃ ᠪᠥᠬᠦ ᠬᠤᠰᠢᠭᠤᠨ ᠤ | ᠣᠰᠣᠨ ᠤ ᠡᠬᠢ ᠰᠣᠷᠪᠣᠯᠵᠢ ᠶᠢᠨ ᠶᠡᠷᠥᠩᠬᠡᠶᠢᠯᠡᠭᠰᠡᠨ ᠠᠰᠢᠭᠯᠠᠯᠳᠠ᠂ ᠴᠢᠬᠤᠯᠠ ᠣᠰᠣᠨ ᠰᠣᠷᠪᠣᠯᠵᠢ ᠶᠢᠨ ᠣᠷᠣᠨ ᠤ | ᠣᠰᠣᠨ ᠤ ᠬᠡᠮᠵᠢᠶ᠎ᠡ᠂ ᠣᠰᠣᠨ ᠤ ᠲᠥᠪᠰᠢᠨ ᠢ ᠵᠡᠷᠭᠡᠪᠡᠷ ᠡᠵᠡᠮᠰᠢᠬᠦ ᠵᠡᠷᠭᠡ ᠬᠢᠵᠠᠭᠠᠷᠯᠠᠬᠤ ᠲᠥᠯᠥᠪᠵᠢᠭᠦᠯᠬᠡ ᠶᠢ | ᠨᠠᠶᠢᠷᠠᠭᠤᠯᠣᠨ ᠮᠡᠳᠡᠭᠦᠯᠥᠨ᠎ᠡ᠃ ᠥᠪᠡᠷᠳᠡᠭᠡᠨ ᠵᠠᠰᠠᠬᠤ ᠣᠷᠣᠨ ᠤ ᠣᠣᠭᠤᠬᠤ ᠣᠰᠣᠨ ᠤ ᠠᠮᠣᠷ ᠲᠥᠪᠰᠢᠨ ᠤ | ᠵᠣᠭᠤᠷᠢ ᠶᠢᠨ ᠲᠥᠷᠥᠯ ᠵᠣᠶᠢᠯ ᠢ ᠰᠠᠶᠢᠳᠣᠷ ᠬᠡᠷᠡᠭᠵᠢᠭᠦᠯᠵᠥ᠂ 5233 ᠡᠷᠣᠬᠡ 17019 ᠬᠥᠮᠥᠨ ᠤ ᠠᠮᠣᠷ | ᠲᠥᠪᠰᠢᠨ ᠣᠣᠭᠤᠬᠤ ᠣᠰᠣᠨ ᠤ ᠠᠰᠠᠭᠤᠳᠠᠯ ᠢ ᠰᠢᠢᠳᠪᠣᠷᠢᠯᠡᠨ᠎ᠡ᠃ ᠬᠤᠳᠳᠤᠭ ᠤᠨ ᠣᠰᠣᠯᠠᠯᠳᠠ ᠶᠢᠨ ᠣᠷᠣᠨ | ᠪᠠ ᠥᠯᠵᠡᠢ ᠪᠣᠭᠤᠮᠳᠠ ᠶᠢᠨ ᠭᠠᠵᠠᠷ ᠲᠣᠣᠷᠠᠬᠢ ᠣᠰᠣᠨ ᠤ ᠡᠬᠢ ᠰᠣᠷᠪᠣᠯᠵᠢ ᠶᠢᠨ ᠪᠠᠶᠢᠴᠠᠭᠠᠨ ᠥᠨᠡᠯᠡᠯᠳᠡ ᠶᠢ | ᠥᠷᠨᠢᠭᠦᠯᠵᠥ᠂ ᠪᠠᠶᠠᠨᠬᠤᠳᠠ ᠪᠠᠯᠭᠠᠰᠣᠨ ᠤ ᠬᠦᠪᠡᠭᠡ ᠵᠠᠬ᠎ᠠ ᠶᠢᠨ ᠥᠶᠡᠷ ᠢ ᠰᠡᠷᠬᠡᠶᠢᠯᠡᠬᠦ ᠢᠨᠵᠧᠨᠧᠷᠢᠩ ᠢ | ᠬᠡᠷᠡᠭᠵᠢᠭᠦᠯᠥᠨ᠂ ᠣᠰᠣ ᠬᠠᠩᠭᠠᠬᠤ ᠪᠠᠳᠣᠯᠠᠭ᠎ᠠ ᠪᠠ ᠥᠶᠡᠷ ᠰᠡᠷᠬᠡᠶᠢᠯᠡᠬᠦ ᠴᠢᠳᠠᠪᠣᠷᠢ ᠪᠠᠨ ᠳᠡᠭᠡᠭᠰᠢᠯᠡᠭᠦᠯᠥᠨ᠎ᠡ᠃ | ᠡᠨᠧᠷᠬᠢ ᠶᠢᠨ ᠰᠣᠷᠪᠣᠯᠵᠢ ᠶᠢᠨ ᠲᠣᠣᠷ ᠤᠨ ᠪᠥᠳᠥᠭᠡᠨ ᠪᠠᠶᠢᠭᠤᠯᠣᠯᠳᠠ ᠶᠢ ᠲᠥᠷᠭᠡᠳᠬᠡᠨ᠎ᠡ᠃ ᠥᠯᠵᠡᠢ ᠪᠣᠭᠤᠮᠳᠠ | ᠠᠴᠠ ᠬᠥᠬᠡ ᠮᠥᠷᠡᠨ ᠤ ᠳᠡᠭᠡᠳᠣ ᠣᠷᠣᠰᠬᠠᠯ ᠤᠨ ᠡᠨᠧᠷᠬᠢ ᠰᠣᠷᠪᠣᠯᠵᠢ ᠶᠢᠨ ᠶᠡᠭᠡ ᠨᠡᠪᠳᠡᠷᠡᠴᠡ ᠵᠠᠮ ᠢ | ᠲᠥᠰᠥᠪᠯᠡᠵᠥ᠂ ᠰᠢᠨ᠎ᠡ ᠡᠨᠧᠷᠬᠢ ᠵᠢᠨᠰᠣᠷᠪᠣᠯᠵᠢ ᠶᠢᠨ ᠴᠡᠬᠢᠯᠭᠠᠨ ᠭᠠᠷᠭᠠᠬᠤ ᠰᠠᠭᠤᠷᠢᠨ ᠭᠠᠵᠠᠷ᠂ ᠠᠯᠠᠱᠠ ᠵᠡᠭᠦᠨ | ᠬᠤᠰᠢᠭᠤᠨ ᠠᠴᠠ ᠱᠠᠩᠬᠠᠢ ᠶᠢᠨ ᠰᠥᠮ᠎ᠡ ᠬᠥᠷᠬᠦ ᠣᠨᠴᠠ ᠳᠡᠭᠡᠳᠣ ᠬᠥᠴᠥᠳᠠᠯᠳᠣ ᠴᠠᠬᠢᠯᠭᠠᠨ ᠬᠥᠴᠥᠨ ᠤ ᠭᠠᠳᠠᠭᠰᠢ | ᠬᠥᠷᠬᠡᠬᠦ ᠨᠡᠪᠳᠡᠷᠡᠴᠡ ᠵᠠᠮ ᠤᠨ ᠲᠥᠷᠥᠯ ᠵᠣᠶᠢᠯ ᠤᠨ ᠡᠬᠢᠨ ᠤ ᠬᠤᠭᠤᠴᠠᠭᠠᠨ ᠤ ᠠᠵᠢᠯ ᠢ ᠢᠳᠡᠪᠬᠢᠲᠠᠢ | ᠠᠬᠢᠭᠤᠯᠵᠣ᠂ ᠰᠤᠬᠤᠡᠭᠲᠣ᠂ ᠵᠡᠭᠦᠨ ᠪᠡᠯ ᠤᠨ 220 ᠺᠢᠯᠥᠸᠤᠯᠲ ᠪᠠ ᠥᠯᠵᠡᠢ ᠪᠣᠭᠤᠮᠳᠠ ᠶᠢᠨ 110 | ᠺᠢᠯᠥᠸᠤᠯᠲ ᠤᠨ ᠬᠥᠴᠥᠳᠡᠯ ᠥᠬᠡᠷᠡᠴᠢᠯᠡᠬᠦ ᠢᠨᠵᠧᠨᠧᠷᠢᠩ ᠢ ᠲᠥᠷᠭᠡᠳᠬᠡᠨ ᠬᠡᠷᠡᠭᠵᠢᠭᠦᠯᠵᠥ᠂ ᠠᠯᠠᠱᠠ ᠶᠢᠨ | ᠬᠤᠶᠠᠳᠣᠭᠠᠷ ᠴᠡᠬᠢᠯᠭᠠᠨ ᠤ ᠰᠣᠷᠪᠣᠯᠵᠢ ᠶᠢᠨ ᠢᠨᠵᠧᠨᠧᠷᠢᠩ ᠢ ᠥᠷᠭᠦᠯᠵᠢᠯᠡᠨ ᠪᠠᠶᠢᠭᠤᠯᠵᠣ᠂ ᠴᠡᠪᠡᠷ ᠡᠨᠧᠷᠬᠢ ᠶᠢᠨ | ᠰᠣᠷᠪᠣᠯᠵᠢ ᠶᠢ ᠭᠠᠳᠠᠭᠰᠢ ᠬᠥᠷᠭᠡᠬᠦ ᠴᠢᠳᠠᠪᠣᠷᠢ ᠪᠠ ᠴᠠᠬᠢᠯᠭᠠᠨ ᠬᠥᠴᠥᠨ ᠤ ᠪᠠᠳᠣᠯᠠᠭᠠᠨ ᠤ ᠴᠢᠳᠠᠪᠣᠷᠢ ᠪᠠᠨ | ᠳᠡᠭᠡᠭᠰᠢᠯᠡᠭᠦᠯᠥᠨ᠎ᠡ᠃ ᠰᠣᠷᠠᠭ ᠵᠠᠩᠬᠢ ᠶᠢᠨ ᠲᠣᠣᠷ ᠤᠨ ᠪᠥᠳᠥᠭᠡᠨ ᠪᠠᠶᠢᠭᠤᠯᠣᠯᠳᠠ ᠪᠠᠨ ᠲᠥᠷᠭᠡᠳᠬᠡᠨ᠎ᠡ᠃ | ᠪᠠᠶᠠᠨᠬᠤᠳᠠ ᠪᠠᠷ ᠲᠥᠪ ᠪᠣᠯᠭᠠᠵᠣ᠂ ᠣᠶᠣᠨᠳᠦ ᠬᠤᠳᠠ ᠶᠢᠨ ᠬᠠᠮᠢᠶᠠᠷᠥᠯᠳᠠ ᠶᠢᠨ ᠲᠠᠪᠴᠠᠩ ᠢ ᠪᠠᠶᠢᠭᠤᠯᠣᠨ᠂ ︽ | ᠣᠶᠣᠨᠳᠣ ᠵᠠᠮ ᠬᠠᠷᠢᠯᠴᠠᠭᠠᠨ︾ ᠤ ᠪᠥᠳᠥᠭᠡᠨ ᠪᠠᠶᠢᠭᠤᠯᠣᠯᠳᠠ ᠶᠢ ᠰᠥᠪᠡᠭᠴᠢᠯᠡᠨ ᠬᠡᠷᠡᠭᠵᠢᠭᠦᠯᠵᠥ᠂ ︽ᠣᠶᠣᠨᠳᠦ | ᠬᠤᠳᠡ︾ ᠶᠢᠨ ᠪᠦᠲᠦᠭᠡᠨ ᠪᠠᠶᠢᠭᠤᠯᠣᠯᠳᠡ ᠶᠢ ᠴᠢᠷᠮᠠᠶᠢᠨ ᠠᠬᠢᠭᠤᠯᠣᠨ᠎ᠠ᠃ ︽ᠵᠢᠭᠤᠯᠴᠢᠯᠠᠯ +︾ ᠪᠠᠷ ᠣᠶᠣᠨᠳᠦ | ᠵᠢᠭᠤᠯᠴᠢᠯᠠᠯ ᠤᠨ ᠬᠥᠭᠵᠢᠯᠳᠡ ᠶᠢ ᠳᠠᠶᠢᠴᠢᠯᠠᠨ᠂ ᠮᠠᠯᠵᠢᠬᠤ ᠲᠠᠷᠢᠶᠠᠯᠠᠬᠤ ᠣᠷᠣᠨ ᠤ ᠰᠣᠷᠠᠭ ᠵᠠᠩᠬᠢ ᠶᠢᠨ | ᠬᠤᠯᠪᠣᠭᠠᠨ ᠤ ᠲᠣᠣᠷ ᠰᠥᠯᠵᠢᠶᠡᠨ ᠤ ᠪᠥᠳᠥᠭᠡᠨ ᠪᠠᠶᠢᠭᠤᠯᠣᠯᠳᠠ ᠶᠢ ᠴᠢᠩᠭᠠᠳᠬᠠᠨ᠎ᠠ᠃ | ᠲᠥᠷᠪᠡ᠂ ᠬᠤᠳᠠ ᠬᠥᠳᠡᠭᠡ ᠶᠢᠨ ᠪᠥᠳᠥᠭᠡᠨ ᠪᠠᠶᠢᠭᠤᠯᠣᠯᠳᠠ ᠶᠢ ᠨᠢᠭᠡᠳᠣᠯᠲᠠᠢ ᠲᠥᠯᠥᠪᠵᠢᠭᠦᠯᠬᠦ ᠪᠠᠷ ᠴᠢᠷᠮᠠᠶᠢᠵᠣ᠂ | ᠣᠯᠠᠨ ᠨᠡᠶᠢᠳᠡ ᠶᠢᠨ ᠣᠶᠢᠯᠡᠴᠢᠯᠡᠭᠡᠨ ᠤ ᠬᠢᠷᠢ ᠲᠥᠪᠰᠢᠨ ᠢᠶᠠᠨ ᠳᠡᠭᠡᠭᠰᠢᠯᠡᠭᠦᠯᠥᠨ᠎ᠡ᠃ | ᠬᠥᠮᠥᠨ ᠢᠶᠠᠷ ᠥᠨᠳᠥᠰᠥ ᠪᠣᠯᠭᠠᠬᠤ ᠶᠢ ᠪᠠᠷᠢᠮᠳᠠᠯᠠᠵᠣ᠂ ᠲᠣᠬᠠᠢ ᠶᠢᠨ ᠭᠠᠵᠠᠷ ᠲᠤᠨᠢ ᠲᠣᠬᠢᠷᠠᠭᠤᠯᠬᠤ᠂ ᠠᠮᠢ ᠠᠬᠤᠢ | ᠪᠣᠯᠪᠠᠰᠣᠨ᠂ ᠠᠭᠤᠯᠠ ᠣᠰᠣ ᠵᠠᠯᠭᠠᠯᠳᠣᠭᠰᠠᠨ᠂ ᠰᠣᠶᠣᠯ ᠢᠷᠭᠡᠨᠰᠢᠯ ᠢ ᠣᠯᠠᠮᠵᠢᠯᠠᠭᠰᠠᠨ ᠣᠷᠣᠨ ᠨᠣᠳᠤᠭ ᠤᠨ | ᠣᠨᠴᠠᠯᠢᠭ ᠲᠠᠢ ᠰᠢᠨ᠎ᠡ ᠬᠡᠯᠪᠡᠷᠢᠳᠣ ᠬᠤᠳᠠ ᠪᠠᠯᠭᠠᠰᠣᠵᠢᠯᠳᠠ ᠶᠢᠨ ᠵᠠᠮ ᠢᠶᠠᠷ ᠵᠠᠮᠨᠠᠨ᠎ᠠ᠃ | ︵ᠨᠢᠬᠡ︶ ᠬᠤᠳᠠ ᠬᠥᠳᠡᠭᠡ ᠶᠢᠨ ᠰᠠᠭᠤᠷᠢ ᠲᠥᠬᠦᠬᠡᠷᠥᠮᠵᠢ ᠶᠢᠨ ᠪᠥᠳᠥᠭᠡᠨ ᠪᠠᠶᠢᠭᠤᠯᠣᠯᠳᠠ ᠶᠢ ᠲᠥᠷᠭᠡᠳᠬᠡᠨ᠎ᠡ᠃ | 53.5 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠥ᠂ 11 ᠲᠥᠷᠥᠯ ᠤᠨ ᠬᠤᠳᠠ ᠶᠢᠨ | ᠪᠥᠳᠥᠭᠡᠨ ᠪᠠᠶᠢᠭᠤᠯᠣᠯᠳᠠ ᠶᠢᠨ ᠲᠥᠷᠥᠯ ᠵᠣᠶᠢᠯ ᠢ ᠬᠡᠷᠡᠭᠵᠢᠭᠦᠯᠥᠨ᠎ᠡ᠃ ᠶᠠᠪᠠᠷᠠᠢ᠂ ᠬᠤᠱᠣᠳ᠂ ᠲᠩᠷᠢ ᠵᠡᠷᠭᠡ 8 | ᠵᠣᠷᠪᠣᠰ ᠵᠠᠮ ᠤᠨ ᠵᠡᠬᠡᠯᠢ ᠶᠢᠨ ᠥᠵᠡᠮᠵᠢ ᠶᠢᠨ ᠥᠭᠡᠷᠡᠴᠢᠯᠡᠨ ᠰᠠᠶᠢᠵᠢᠷᠠᠭᠤᠯᠬᠤ ᠢᠨᠵᠧᠨᠧᠷᠢᠩ ᠢ ᠬᠡᠷᠡᠭᠵᠢᠭᠦᠯᠵᠥ᠂ | ᠬᠤᠸ᠋ᠷᠠᠨ ᠤ ᠰᠢᠯᠢ ᠶᠢᠨ ᠣᠰᠣᠨ ᠰᠢᠰᠲ᠋ᠧᠮ ᠪᠣᠯᠣᠨ ᠦᠵᠡᠮᠦᠷᠢ ᠶᠢᠨ ᠴᠢᠯᠠᠭᠤᠨ ᠤ ᠬᠥᠷᠢᠶᠡᠯᠡᠩ ᠤᠨ | ᠨᠣᠭᠤᠭᠠᠷᠠᠭᠤᠯᠣᠯᠳᠠ ᠶᠢᠨ ᠥᠵᠡᠮᠵᠢ ᠶᠢ ᠰᠠᠶᠢᠵᠢᠷᠠᠭᠤᠯᠣᠨ᠎ᠠ᠃ ᠭᠤᠣᠯᠳᠣ ᠪᠣᠷᠣ ᠶᠢᠨ ᠬᠥᠷᠢᠶᠡᠯᠡᠩ᠂ ᠶᠢᠰᠣᠨ | ᠯᠣᠣᠰ ᠤᠨ ᠬᠥᠷᠢᠶᠡᠯᠡᠩ ᠵᠡᠷᠭᠡ ᠬᠤᠳᠠ ᠶᠢᠨ 12 ᠴᠡᠴᠡᠷᠯᠢᠭ ᠢ ᠪᠠᠶᠢᠭᠤᠯᠣᠨ᠎ᠠ᠃ ᠪᠠᠶᠠᠨᠰᠥ᠋ᠮᠪᠥᠷ ᠣᠯᠠᠨ ᠣᠯᠣᠰ | ᠤᠨ ᠰᠣᠶᠣᠯ ᠤᠨ ᠰᠣᠯᠢᠯᠴᠠᠭᠠᠨ ᠤ ᠲᠥᠪ᠂ ᠣᠷᠠᠨ ᠵᠢᠷᠤᠭ ᠤᠨ ᠣᠷᠳᠣᠨ᠂ ᠲᠡᠮᠡᠭᠡᠨ ᠤ ᠮᠥᠽᠸᠢ ᠵᠡᠷᠬᠡ ᠵᠡᠷᠬᠡ | ᠣᠯᠠᠨ ᠨᠡᠶᠢᠳᠡ ᠶᠢᠨ ᠰᠣᠶᠣᠯ ᠵᠢᠭᠤᠯᠴᠢᠯᠠᠯ ᠤᠨ ᠲᠣᠨᠤᠭ ᠲᠥᠬᠦᠭᠡᠷᠥᠮᠵᠢ ᠶᠢ ᠰᠢᠨ᠎ᠡ ᠪᠠᠷ ᠪᠠᠶᠢᠭᠤᠯᠣᠨ᠎ᠠ︔ | ᠬᠤᠯᠠᠳᠠᠬᠢᠨ ᠢ ᠲᠣᠭᠳᠠᠭᠠᠭᠴᠢ ᠬᠤᠷᠢᠶᠠᠨ ᠤ ᠡᠷᠳᠡᠨ ᠤ ᠬᠤᠳᠠ ᠶᠢ ᠬᠠᠮᠠᠭᠠᠯᠠᠨ ᠰᠡᠯᠪᠢᠬᠦ ᠲᠥᠷᠥᠯ ᠵᠣᠶᠢᠯ ᠢ | ᠥᠷᠭᠦᠯᠵᠢᠯᠡᠨ ᠪᠠᠶᠢᠭᠤᠯᠣᠨ᠎ᠠ᠃ ᠢᠳᠡᠭᠡᠨ ᠤ ᠵᠣᠶᠢᠯ ᠢ ᠪᠣᠯᠪᠠᠰᠣᠷᠠᠭᠤᠯᠬᠤ ᠦᠢᠯᠡᠰ ᠤᠨ ᠬᠠᠮᠢᠶᠠᠷᠥᠯᠳᠠ ᠶᠢ | ᠲᠥᠷᠢᠮᠵᠢᠭᠦᠯᠵᠥ᠂ ᠪᠥᠸᠧ ᠯᠥᠩ ᠵᠢᠵᠢᠭ ᠢᠳᠡᠭᠡᠨ ᠢ ᠪᠣᠯᠪᠠᠰᠣᠷᠠᠭᠤᠯᠬᠤ ᠲᠣᠭᠤᠷᠢᠭ ᠢ ᠪᠠᠶᠢᠭᠤᠯᠣᠨ᠎ᠠ᠃ ᠵᠡᠭᠡᠯᠢ | ᠭᠤᠳᠣᠮᠵᠢ ᠨᠡᠶᠢᠬᠡᠮ ᠲᠣᠭᠤᠷᠢᠭ ᠤᠨ ᠰᠠᠭᠤᠷᠢ ᠲᠥᠬᠦᠭᠡᠷᠥᠮᠵᠢ ᠶᠢᠨ ᠪᠥᠳᠥᠭᠡᠨ ᠪᠠᠶᠢᠭᠤᠯᠣᠯᠳᠠ ᠶᠢ ᠴᠢᠩᠭᠠᠳᠬᠠᠵᠣ᠂ | ᠠᠷᠠᠳ ᠲᠤ ᠲᠥᠭᠦᠮ ᠥᠵᠡᠭᠦᠯᠬᠦ ᠣᠶᠢᠯᠡᠴᠢᠯᠡᠬᠡᠨ ᠤ ᠴᠢᠳᠠᠪᠣᠷᠢ ᠪᠠ ᠬᠢᠷᠢ ᠲᠥᠪᠰᠢᠨ ᠢᠶᠠᠨ ᠳᠡᠭᠡᠭᠰᠢᠯᠡᠬᠦᠯᠥᠨ᠎ᠡ᠃ | ᠬᠠᠭᠤᠴᠢᠨ ᠰᠠᠭᠤᠭᠠᠯᠢ ᠲᠤᠭᠤᠷᠢᠭ᠂ ᠪᠠᠶᠢᠰᠢᠩ ᠤᠨ ᠲᠣᠭᠤᠷᠢᠭ ᠤᠨ ᠰᠠᠭᠤᠷᠢ ᠲᠥᠬᠦᠭᠡᠷᠥᠮᠵᠢ ᠶᠢ ᠥᠭᠡᠷᠡᠴᠢᠯᠡᠨ | ᠰᠠᠶᠢᠵᠢᠷᠠᠭᠤᠯᠬᠤ ᠶᠢ ᠥᠷᠭᠦᠯᠵᠢᠯᠡᠨ ᠬᠡᠷᠡᠭᠵᠢᠭᠦᠯᠥᠨ᠎ᠡ᠃ ᠪᠠᠶᠠᠨᠬᠤᠳᠠ ᠶᠢᠨ ᠪᠥᠷᠬᠡ ᠬᠡᠷ ᠤᠨ ᠲᠣᠭᠤᠷᠢᠭ ᠢ | ᠥᠭᠡᠷᠡᠴᠢᠯᠡᠨ ᠰᠠᠶᠢᠵᠢᠷᠠᠭᠤᠯᠬᠤ ᠬᠥᠴᠥᠯᠡᠴᠡ ᠪᠠᠨ ᠨᠡᠮᠡᠭᠳᠡᠭᠦᠯᠵᠥ᠂ 2925 ᠡᠷᠣᠬᠡ ᠶᠢᠨ ᠭᠡᠷ ᠢ ᠲᠠᠲᠠᠪᠤᠷᠢᠯᠠᠨ᠎ᠠ᠃ | ᠪᠥᠷᠬᠡ ᠬᠡᠷ ᠤᠨ ᠲᠣᠭᠤᠷᠢᠭ ᠤᠨ ᠥᠭᠡᠷᠡᠴᠢᠯᠡᠨ ᠰᠠᠶᠢᠵᠢᠷᠠᠭᠤᠯᠣᠯᠳᠠ ᠳᠤ ᠪᠡᠯᠡᠨ ᠮᠥᠩᠬᠦ ᠪᠠᠷ ᠲᠦᠪᠬᠢᠨᠡᠭᠦᠯᠬᠦ ᠶᠢ | ᠠᠬᠢᠭᠤᠯᠤᠨ᠎ᠠ᠃ ᠲᠠᠸᠠᠷ ᠤᠨ ᠬᠥᠢᠯᠭᠡᠭᠡᠨ ᠤ ᠬᠥᠷᠢᠶᠡᠯᠡᠩ᠂ ᠭᠠᠶᠢᠯᠢ ᠠᠴᠠ ᠭᠡᠯᠳᠦᠷᠢᠭᠦᠯᠬᠦ ᠲᠣᠭᠤᠷᠢᠭ᠂ ᠪᠣᠭᠤᠮᠳᠠ | ᠪᠠᠷ ᠭᠤᠣᠯᠳᠠᠯᠭ᠎ᠠ ᠪᠣᠯᠭᠠᠨ᠂ ᠨᠢᠭᠡ ᠪᠥᠯᠥᠭ ᠬᠡᠪᠴᠢᠶ᠎ᠡ ᠨᠢ ᠲᠣᠬᠢᠷᠠᠮᠵᠢᠲᠠᠢ᠂ ᠣᠷᠴᠢᠨ ᠲᠣᠭᠤᠷᠢᠨ ᠭᠤᠶᠢᠳᠠ | ᠰᠠᠶᠢᠬᠠᠨ᠂ ᠴᠢᠳᠠᠪᠣᠷᠢ ᠲᠣᠪᠣᠶᠢᠮ᠎ᠠ᠂ ᠥᠪᠡᠷᠮᠢᠴᠡ ᠣᠨᠴᠠᠯᠢᠭ ᠲᠠᠢ ᠪᠠᠭ᠎ᠠ ᠬᠤᠳᠠ ᠪᠠᠯᠭᠠᠰᠣ ᠪᠣᠯᠭᠠᠨ ᠪᠥᠳᠥᠬᠡᠨ | ᠪᠠᠶᠢᠭᠤᠯᠬᠤ ᠪᠠᠷ ᠴᠢᠷᠮᠠᠶᠢᠨ᠎ᠠ᠃ | ︵ᠬᠤᠶᠠᠷ︶ ᠬᠤᠳᠠ ᠬᠥᠳᠡᠭᠡ ᠶᠢᠨ ᠬᠠᠮᠢᠶᠠᠷᠥᠯᠳᠠ ᠶᠢᠨ ᠬᠢᠷᠢ ᠲᠥᠪᠰᠢᠨ ᠢ ᠶᠡᠭᠡ ᠪᠠᠷ ᠳᠡᠭᠡᠭᠰᠢᠯᠡᠭᠦᠯᠥᠨ᠎ᠡ᠃ | ᠬᠤᠳᠠ ᠬᠥᠳᠡᠭᠡ ᠶᠢᠨ ᠲᠥᠯᠥᠪᠵᠢᠭᠦᠯᠬᠡ ᠶᠢᠨ ᠰᠢᠰᠲ᠋ᠧᠮ ᠢᠶᠠᠨ ᠲᠡᠭᠦᠯᠳᠡᠷᠵᠢᠭᠦᠯᠵᠥ᠂ ᠪᠠᠶᠠᠨᠬᠤᠳᠠ ᠶᠢᠨ ᠶᠡᠷᠥᠩᠬᠡᠢ | ᠲᠥᠯᠥᠪᠵᠢᠭᠦᠯᠬᠡ ᠶᠣᠰᠣᠭᠠᠷ ᠪᠥᠬᠦ ᠬᠥᠷᠢᠶ᠎ᠡ ᠴᠠᠷ᠎ᠠ ᠶᠢᠨ ᠠᠶᠠᠯᠠᠯ ᠵᠢᠭᠤᠯᠴᠢᠯᠠᠯ ᠤᠨ ᠬᠤᠳᠠ ᠶᠢᠨ ᠲᠣᠭᠳᠠᠭᠠᠯᠳᠠ ᠶᠢ | ᠲᠣᠣᠱᠯᠠᠭᠤᠯᠵᠣ᠂ ︽ᠬᠠᠷᠢᠮᠠᠬᠠᠢ ᠪᠠᠭᠳᠠᠭᠠᠮᠵᠢᠳᠣ ᠬᠤᠳᠠ︾ ᠥᠵᠡᠯᠳᠡ ᠲᠠᠢ ᠣᠶᠠᠯᠳᠣᠭᠤᠯᠣᠨ᠂ ᠪᠠᠶᠠᠨᠬᠤᠳᠠ ᠶᠢᠨ | ᠠᠵᠣ ᠣᠶᠢᠯᠡᠰ ᠤᠨ ᠪᠠᠶᠢᠷᠢᠯᠠᠭᠤᠯᠣᠯᠳᠠ ᠵᠡᠷᠭᠡ 3 ᠲᠥᠯᠥᠪᠵᠢᠭᠦᠯᠬᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠣᠨ | ᠲᠣᠭᠳᠠᠭᠠᠨ᠎ᠠ᠃ ᠳᠠᠭᠠᠭᠭᠤᠯᠢ ᠣᠳᠣᠨ ᠤ ᠬᠤᠳᠠ ᠪᠠᠯᠭᠠᠰᠣ᠂ ᠲᠥᠪ ᠪᠣᠯᠬᠤ ᠪᠠᠭ᠎ᠠ ᠬᠤᠳᠠ ᠪᠠᠯᠭᠠᠰᠣ᠂ | ᠣᠨᠴᠠᠯᠢᠭᠳᠣ ᠪᠠᠭ᠎ᠠ ᠬᠤᠳᠠ ᠪᠠᠯᠭᠠᠰᠣ ᠶᠢᠨ ᠣᠷᠣᠨ ᠳᠣᠭᠳᠠᠭᠠᠠᠯᠳᠠ ᠶᠢᠨ ᠶᠣᠰᠣᠭᠠᠷ᠂ ᠪᠣᠳᠠᠳᠣ ᠪᠠᠶᠢᠳᠠᠯ ᠳᠤᠨᠢ | ᠲᠣᠬᠢᠷᠠᠭᠤᠯᠤᠨ᠂ ᠰᠤᠮᠤ ᠪᠠᠯᠭᠠᠰᠤᠨ ᠤ ᠶᠡᠷᠦᠩᠬᠡᠢ ᠲᠥᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ᠂ ᠣᠯᠠᠨᠪᠤᠯᠠᠭ | ᠤᠨ ᠥᠪᠡᠷᠮᠢᠴᠡ ᠣᠨᠴᠠᠯᠢᠭᠲᠤ ᠪᠠᠭ᠎ᠠ ᠪᠠᠯᠭᠠᠰᠤ ᠪᠣᠯᠤᠨ ᠥᠯᠵᠡᠢ ᠪᠣᠭᠤᠮᠲᠠ ᠶᠢᠨ ᠠᠷᠤ ᠤᠶᠢᠯᠡᠴᠢᠯᠡᠭᠡᠨ ᠤ | ᠪᠠᠲᠤᠯᠠᠭᠠᠨ ᠤ ᠰᠠᠭᠤᠷᠢᠨ ᠭᠠᠵᠠᠷ ᠤᠨ ᠲᠥᠯᠦᠪᠵᠢᠭᠦᠯᠭᠡ ᠶᠢ ᠪᠡᠶᠡᠯᠡᠭᠦᠯᠦᠨ᠎ᠡ᠃ ᠬᠤᠲᠠ ᠶᠢᠨ ᠬᠠᠮᠢᠶᠠᠷᠤᠯᠲᠠ᠂ | ᠮᠠᠯᠵᠢᠬᠤ ᠲᠠᠷᠢᠶᠠᠯᠠᠬᠤ ᠣᠷᠤᠨ ᠤ ᠠᠮᠢ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠠ ᠶᠢ ᠠᠬᠢᠭᠤᠯᠵᠤ᠂ ᠬᠤᠲᠠ ᠬᠥᠳᠡᠭᠡ ᠶᠢᠨ ᠨᠢᠭᠡ ᠴᠤᠭᠴᠠᠵᠢᠯᠲᠠ ᠶᠢᠨ ᠲᠣᠭᠲᠠᠴᠠ ᠶᠢ | ᠭᠦᠨᠵᠡᠭᠡᠶᠢᠷᠡᠭᠦᠯᠦᠨ᠂ ᠨᠠᠷᠢᠯᠢᠭ ᠬᠠᠮᠢᠶᠠᠷᠤᠯᠲᠠ ᠶᠢᠨ ᠰᠢᠨ᠎ᠡ ᠪᠠᠶᠢᠳᠠᠯ ᠢ ᠪᠣᠢ ᠪᠣᠯᠭᠠᠨ᠎ᠠ᠃ ᠬᠤᠶᠢᠲᠤ ᠲᠣᠭᠤᠷᠢᠯᠲᠠ | ᠶᠢᠨ ᠵᠠᠮ ᠤᠨ ᠶᠡᠷᠦᠩᠬᠡᠶᠢᠯᠡᠭᠰᠡᠨ ᠵᠠᠬ᠎ᠠ ᠳᠡᠯᠭᠡᠭᠦᠷ ᠢ ᠪᠠᠶᠢᠭᠤᠯᠵᠤ᠂ ᠪᠠᠶᠠᠨᠬᠤᠲᠠ ᠪᠠᠯᠭᠠᠰᠤᠨ ᠤ ᠲᠡᠷᠭᠡᠨ ᠵᠣᠭᠰᠤᠭᠠᠯ | ᠤᠨ ᠢᠨᠵᠧᠨᠧᠷᠢᠩ ᠢ ᠬᠡᠷᠡᠭᠵᠢᠭᠦᠯᠦᠨ᠎ᠡ᠃ ᠬᠤᠲᠠ ᠬᠥᠳᠡᠭᠡ ᠶᠢᠨ ᠳᠤᠷ᠎ᠠ ᠪᠠᠷ ᠲᠡᠷᠭᠡ ᠵᠣᠭᠰᠤᠭᠠᠬᠤ ᠳᠦᠷᠢᠮ | ᠵᠥᠷᠢᠴᠡᠨ ᠲᠡᠷᠭᠡ ᠵᠣᠭᠰᠤᠭᠠᠬᠤ᠂ ᠳᠤᠷ᠎ᠠ ᠪᠠᠷ ᠪᠠᠶᠢᠭᠤᠯᠬᠤ ᠶᠢ ᠴᠡᠭᠴᠡᠯᠡᠬᠦ ᠬᠦᠴᠦᠯᠡᠴᠡ ᠪᠠᠨ ᠶᠡᠬᠡᠳᠭᠡᠵᠦ᠂ | ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠯᠲᠡ ᠶᠢᠨ ᠦᠷ᠎ᠡ ᠪᠦᠲᠦᠮᠵᠢ ᠪᠠᠨ ᠪᠠᠬᠢᠵᠢᠭᠦᠯᠦᠨ᠎ᠡ᠃ | ᠪᠠᠶᠠᠨᠬᠤᠳᠡ ᠶᠢᠨ ᠬᠤᠭᠤᠯᠠᠨ ᠭᠡᠷ ᠤᠨ ᠬᠤᠳᠠ ᠶᠢᠨ ᠶᠠᠪᠦᠳᠠᠯ ᠤᠨ ᠪᠤᠬᠢᠷ ᠰᠢᠪᠠᠷ ᠢ ᠬᠤᠯᠪᠣᠭᠠᠨᠯᠠᠨ | ᠰᠢᠢᠳᠪᠦᠷᠢᠯᠡᠬᠦ ᠲᠦᠷᠦᠯ ᠵᠦᠢᠯ ᠢ ᠬᠡᠷᠡᠭᠵᠢᠭᠦᠯᠦᠨ᠂ 54 ᠰᠠᠭᠤᠷᠢ ᠨᠠᠶᠢᠲᠡ ᠶᠢᠨ ᠵᠣᠷᠯᠣᠩ ᠢ ᠰᠢᠨ᠎ᠡ ᠪᠠᠷ | ᠪᠠᠶᠢᠭᠤᠯᠤᠨ ᠰᠠᠶᠢᠵᠢᠷᠠᠭᠤᠯᠵᠤ᠂ ᠰᠤᠮᠤ ᠪᠠᠯᠭᠠᠰᠤᠨ ᠤ ᠬᠤᠭ ᠨᠣᠪᠰᠢ ᠶᠢ ᠬᠤᠷᠢᠶᠠᠨ ᠵᠥᠭᠡᠭᠡᠪᠤᠷᠢᠯᠡᠬᠦ ᠰᠢᠰᠲ᠋ᠧᠮ ᠢ | ᠲᠡᠭᠦᠯᠳᠡᠷᠵᠢᠭᠦᠯᠦᠨ᠂ ᠵᠢᠷᠠᠲᠠᠢ ᠶᠢᠨ ᠠᠮᠢᠳᠤᠷᠠᠯ ᠤᠨ ᠬᠤᠭ ᠨᠣᠪᠰᠢ᠂ ᠪᠣᠬᠢᠷ ᠤᠰᠤᠨ ᠤ ᠰᠡᠢᠳᠪᠤᠷᠢᠯᠡᠯᠲᠡ ᠪᠠ | ᠲᠥᠪᠯᠡᠷᠡᠭᠦᠯᠦᠨ ᠲᠤᠯᠠᠭᠠᠯᠠᠮᠵᠢ ᠬᠠᠩᠭᠠᠬᠤ ᠲᠥᠷᠦᠯ ᠵᠤᠶᠢᠯ ᠤᠨ ᠪᠠᠶᠢᠭᠤᠯᠤᠯᠲᠠ ᠶᠢ ᠠᠬᠢᠭᠤᠯᠤᠨ᠎ᠠ᠃ | ᠲᠠᠪᠤ᠂ ᠥᠭᠡᠷᠡᠴᠢᠯᠡᠯᠲᠡ ᠰᠢᠨᠴᠢᠯᠡᠯᠳᠡ ᠶᠢ ᠬᠦᠴᠦᠲᠠᠢ ᠭᠦᠨᠵᠡᠭᠡᠶᠢᠷᠡᠭᠦᠯᠦᠨ᠂ ᠬᠥᠭᠵᠢᠯᠲᠠ ᠶᠢᠨ ᠠᠮᠢᠳᠤᠯᠢᠭ | ᠬᠦᠴᠦᠨ ᠬᠥᠳᠡᠯᠭᠡᠭᠴᠢ ᠬᠦᠴᠦᠨ ᠶᠢ ᠴᠢᠯᠦᠭᠡᠯᠡᠨ᠎ᠡ᠃ | ᠥᠭᠡᠷᠡᠴᠢᠯᠡᠯᠲᠡ ᠨᠡᠭᠡᠭᠡᠯᠲᠡ ᠪᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠᠶᠢᠯᠳᠤᠬᠤ ᠪᠣᠳᠤᠯᠭ᠎ᠠ ᠶᠢ | ᠭᠤᠶᠢᠪᠢᠰᠢ ᠦᠭᠡᠢ ᠪᠠᠷᠢᠮᠲᠠᠯᠠᠵᠤ᠂ ᠭᠤᠣᠯᠳᠠᠯᠭ᠎ᠠ ᠲᠠᠢ ᠬᠦᠷᠢᠶ᠎ᠡ ᠴᠡᠷ᠎ᠡ ᠪᠣᠯᠤᠨ ᠵᠠᠩᠭᠢᠯᠠᠭ᠎ᠠ ᠶᠢᠨ ᠭᠤᠭᠴᠣᠭᠠᠨ | ᠳᠠᠬᠢ ᠪᠠᠶᠢᠭᠤᠯᠤᠮᠵᠢ ᠲᠣᠭᠲᠠᠴᠡ ᠶᠢᠨ ᠬᠠᠷᠰᠢ ᠰᠠᠭᠠᠳ ᠢ ᠠᠷᠢᠯᠭᠠᠬᠤ ᠬᠦᠴᠦᠯᠡᠬᠦ ᠴᠡᠭ᠂ ᠰᠢᠪᠲᠤᠯᠤᠯᠲᠠ ᠶᠢᠨ | ᠴᠡᠭ ᠢ ᠣᠨᠣᠪᠴᠢᠲᠠᠢ ᠤᠯᠵᠣ᠂ ᠥᠭᠡᠷᠡᠴᠢᠯᠡᠯᠲᠡ ᠶᠢᠨ ᠦᠷ᠎ᠡ ᠠᠰᠢᠭ ᠢ ᠦᠷᠭᠦᠯᠵᠢᠯᠡᠨ ᠲᠡᠭᠡᠭᠰᠢᠭᠦᠯᠦᠨᠡ᠃ | ︵ᠨᠢᠭᠡ︶ ᠡᠯ᠎ᠡ ᠬᠦᠷᠢᠶ᠎ᠡ ᠴᠡᠷ᠎ᠡ ᠳᠠᠬᠢ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠤ ᠠᠬᠤᠢ ᠶᠢᠨ ᠬᠦᠷᠢᠶ᠎ᠡ | ᠴᠡᠷ᠎ᠡ ᠳᠠᠬᠢ ᠥᠭᠡᠷᠡᠴᠢᠯᠡᠯᠲᠡ ᠶᠢ ᠲᠦᠷᠭᠡᠳᠭᠡᠨ᠎ᠡ᠃ ᠬᠠᠨᠭ᠍ᠭᠠᠯᠭ᠎ᠠ ᠶᠢᠨ ᠲᠠᠯ᠎ᠡ ᠶᠢᠨ ᠪᠦᠲᠦᠴᠡ ᠶᠢᠨ ᠴᠢᠨᠡᠷᠲᠠᠢ | ᠥᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠨᠡᠭᠦᠷᠡᠰᠤᠨ ᠤ ᠬᠡᠲᠤ ᠦᠯᠡᠳᠡᠭᠳᠡᠯ ᠡᠨᠧᠷᠭᠢ ᠶᠢ ᠵᠦᠢ ᠵᠣᠬᠢᠰᠲᠠᠢ | ᠰᠢᠢᠳᠪᠦᠷᠢᠯᠠᠨ᠂ ᠭᠡᠷ ᠪᠠᠶᠢᠰᠢᠩ ᠭᠠᠵᠠᠷ ᠬᠥᠷᠦᠩᠭᠡ ᠶᠢᠨ ᠬᠤᠳᠠᠯᠳᠤᠬᠤ ᠬᠦᠮᠦᠷᠭᠡᠭᠯᠡᠨ ᠦᠯᠡᠳᠡᠭᠡᠬᠦ ᠶᠢ ᠢᠳᠡᠪᠬᠢᠲᠠᠢ | ᠠᠬᠢᠭᠤᠯᠤᠨ᠎ᠠ᠃ ︽ᠲᠠᠯᠪᠢᠬᠤ ᠬᠠᠮᠢᠶᠠᠷᠬᠤ ᠤᠶᠢᠯᠡᠴᠢᠯᠡᠬᠦ︾ᠥᠭᠡᠷᠡᠴᠢᠯᠡᠯᠲᠡ ᠶᠢᠨ ᠬᠦᠴᠦᠯᠡᠴᠡ ᠪᠠᠨ ᠶᠡᠬᠡᠳᠭᠡᠵᠦ᠂ | ᠬᠠᠮᠳᠤᠷᠠᠭᠤᠯᠤᠨ ᠬᠢᠨᠠᠨ ᠵᠥᠪᠰᠢᠶᠡᠷᠡᠬᠦ᠂ ᠬᠠᠮᠲᠤᠷᠠᠨ ᠬᠢᠨᠠᠵᠤ ᠰᠡᠢᠳᠪᠤᠷᠢᠯᠡᠬᠦ ᠲᠣᠭᠲᠠᠴᠠ ᠶᠢ ᠪᠠᠶᠢᠭᠤᠯᠤᠨ᠂ ᠠᠶᠢᠮᠠᠭ | ᠬᠤᠰᠢᠭᠤᠨ ᠤ ᠵᠠᠰᠠᠭ ᠤᠨ ᠶᠠᠪᠤᠳᠠᠯ ᠤᠨ ᠤᠶᠢᠯᠡᠴᠢᠯᠡᠭᠡ ᠵᠢᠴᠢ ᠣᠯᠠᠨ ᠨᠠᠶᠢᠲᠡ ᠶᠢᠨ ᠡᠬᠢ ᠰᠣᠷᠪᠤᠯᠵᠢ ᠶᠢᠨ | ᠰᠣᠯᠢᠯᠴᠠᠭ᠎ᠠ ᠶᠢᠨ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ ᠶᠢ ᠪᠡᠶᠡᠯᠡᠭᠦᠯᠦᠨ᠎ᠡ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠷᠭ᠎ᠠ ᠬᠡᠯᠪᠡᠷᠢ ᠪᠠᠨ ᠰᠢᠨᠡᠴᠢᠯᠡᠵᠦ᠂ ︽ᠬᠤᠶᠠᠷ ᠢ ᠰᠣᠭᠤᠴᠢᠬᠤ ᠨᠢᠭᠡ ᠶᠢ ᠢᠯᠡ ᠪᠣᠯᠭᠠᠬᠤ︾ ᠬᠢᠨᠡᠨ | ᠬᠠᠮᠢᠶᠠᠷᠤᠯᠲᠠ ᠶᠢᠨ ᠲᠣᠭᠲᠠᠴᠠ ᠶᠢ ᠠᠬᠢᠭᠤᠯᠤᠨ᠎ᠠ᠃ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠭᠤᠷᠪᠠᠨ ᠡᠩᠨᠡᠭᠡᠨ | ᠤ ᠲᠤᠰᠢᠶᠠᠯ ᠬᠠᠷᠢᠭᠤᠴᠠᠯᠭ᠎ᠠ ᠶᠢᠨ ᠤᠶᠢᠯᠡᠳᠤᠯ ᠢ ᠪᠠᠳᠠᠷᠠᠭᠤᠯᠵᠤ᠂ ᠬᠢᠨᠡᠯᠲᠡ ᠲᠠᠯᠪᠢᠬᠤ ᠰᠢᠯᠭᠠᠨ ᠬᠤᠷᠢᠶᠠᠬᠤ | ᠲᠣᠭᠲᠠᠴᠠ ᠶᠢ ᠲᠡᠭᠦᠯᠳᠡᠷᠵᠢᠭᠦᠯᠦᠨ᠂ ᠥᠭᠡᠷᠡᠴᠢᠯᠡᠯᠲᠡ ᠶᠢᠨ ᠦᠷ᠎ᠡ ᠠᠰᠢᠭ ᠢ ᠦᠨᠡᠨᠬᠦ ᠪᠠᠲᠤᠯᠠᠨ᠎ᠠ᠃ ᠠᠶᠠᠯᠠᠯ | ᠵᠢᠭᠤᠯᠴᠢᠯᠠᠯ ᠤᠨ ᠬᠥᠭᠵᠢᠯᠲᠡ ᠶᠢᠨ ᠵᠥᠪᠯᠡᠯ ᠢ ᠰᠦᠪᠡᠭᠴᠢᠯᠡᠨ ᠪᠠᠶᠢᠭᠤᠯᠵᠤ᠂ ᠪᠦᠬᠦ ᠬᠦᠷᠢᠶ᠎ᠡ ᠴᠡᠷ᠎ᠡ ᠶᠢᠨ ᠠᠶᠠᠯᠠᠯ | ᠵᠢᠭᠤᠯᠴᠢᠯᠠᠯ ᠤᠨ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠭᠰᠡᠨ ᠰᠢᠨ᠎ᠡ ᠪᠠᠶᠢᠭᠤᠯᠤᠮᠵᠢ ᠶᠢᠨ ᠲᠣᠭᠲᠠᠴᠠ ᠶᠢᠨ | ᠪᠦᠷᠢᠯᠳᠤᠯ ᠢ ᠲᠦᠯᠬᠢᠨ ᠠᠬᠢᠭᠤᠯᠤᠨ᠎ᠠ᠃ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠬᠤᠯᠢᠮᠠᠭ ᠥᠮᠴᠢᠯᠠᠯ | ᠤᠨ ᠥᠭᠡᠷᠡᠴᠢᠯᠡᠯᠲᠡ ᠶᠢ ᠠᠬᠢᠭᠤᠯᠵᠤ᠂ ᠤᠯᠤᠰ ᠤᠨ ᠥᠮᠴᠢᠯᠯᠡᠯᠲᠤ ᠬᠥᠷᠦᠩᠭᠡ ᠶᠢ ᠲᠦᠷᠦᠯ ᠬᠤᠪᠢᠶᠠᠨ ᠳᠠᠬᠢᠨ | ᠪᠠᠶᠢᠭᠤᠯᠵᠤ᠂ ᠣᠳᠣᠬᠢᠴᠢᠯᠠᠭᠰᠠᠨ ᠠᠵᠤ ᠠᠬᠤᠶᠢᠯᠠᠯ ᠤᠨ ᠲᠦᠷᠢᠮ ᠢ ᠪᠦᠷᠢᠨᠰᠢᠬᠦᠯᠵᠦ᠂ ᠵᠠᠬ᠎ᠠ ᠳᠡᠯᠭᠡᠭᠦᠷᠵᠢᠯᠲᠡ ᠶᠢᠨ | ᠬᠡᠮᠵᠢᠶ᠎ᠡ ᠪᠠᠨ ᠳᠡᠭᠡᠭᠰᠢᠯᠡᠭᠦᠯᠦᠨ᠎ᠡ᠃ ᠥᠪᠡᠷᠳᠡᠭᠡᠨ ᠵᠠᠰᠠᠬᠤ ᠣᠷᠣᠨ ᠤ ᠮᠥᠩᠭᠦᠨ ᠭᠦᠢᠯᠭᠡᠭᠡᠨ ᠠᠴᠠ ᠬᠤᠰᠢᠭᠤ | ᠰᠢᠶᠠᠨ ᠤ ᠬᠡᠪᠴᠢᠶᠠᠨ ᠤ ᠠᠵᠤ ᠠᠬᠤᠢ ᠶᠢᠨ ᠬᠥᠭᠵᠢᠯᠳᠡ ᠶᠢ ᠲᠡᠮᠵᠢᠬᠦ ᠢᠨᠵᠧᠨᠧᠷᠢᠩ ᠤᠨ ᠲᠣᠷᠰᠢᠯᠳᠡ ᠶᠢᠨ ᠴᠡᠭ | ᠤᠨ ᠠᠵᠢᠯ ᠢ ᠰᠠᠶᠢᠳᠣᠷ ᠨᠠᠶᠢᠳᠠᠪᠣᠷᠢᠵᠢᠭᠤᠯᠵᠣ᠂ ᠪᠡᠯᠡ ᠮᠥᠩᠭᠦ ᠨᠢ ᠠᠵᠣ ᠠᠬᠤᠶᠢᠯᠠᠯ ᠵᠢᠴᠢ ᠦᠷᠭᠡᠨ ᠣᠯᠠᠨ | ᠮᠠᠯᠴᠢᠨ ᠲᠠᠷᠢᠶᠠᠴᠢᠨ ᠲᠠᠰᠢ ᠰᠢᠯᠵᠢᠬᠦ ᠶᠢ ᠵᠢᠯᠤᠭᠤᠳᠤᠨ᠎ᠠ᠃ ᠲᠠᠷᠢᠶᠠᠯᠠᠩ ᠤᠨ ᠤᠰᠤᠨ ᠤ ᠦᠨ᠎ᠡ ᠬᠠᠨᠭ᠍ᠰᠢ ᠶᠢᠨ | ᠶᠡᠷᠥᠩᠬᠡᠶᠢᠯᠡᠭᠰᠡᠨ ᠥᠭᠡᠷᠡᠴᠢᠯᠡᠯᠳᠡ ᠶᠢ ᠠᠬᠢᠭᠤᠯᠵᠤ᠂ ᠪᠠᠷᠠᠭᠤᠨ ᠪᠡᠯ ᠤᠨ ᠣᠰᠣᠨ ᠤ ᠡᠷᠬᠡ ᠶᠢᠨ ᠠᠷᠠᠯᠵᠢᠶᠠᠨ | ᠤ ᠲᠠᠪᠴᠠᠩ ᠢ ᠲᠡᠭᠦᠯᠳᠡᠷᠵᠢᠭᠦᠯᠦᠨ᠎ᠡ᠃ ᠣᠯᠠᠨ ᠬᠦᠷᠢᠶ᠎ᠠ ᠴᠠᠷ᠎ᠠ᠂ ᠣᠯᠠᠨ ᠲᠡᠰ ᠲᠠᠪᠬᠤᠷᠭ᠎ᠠ ᠲᠠᠢ ᠮᠠᠯᠴᠢᠨ | ᠲᠠᠷᠢᠶᠠᠴᠢᠨ ᠤ ᠠᠰᠢᠭ ᠲᠤᠰᠠ ᠳᠤ ᠬᠤᠯᠪᠤᠭᠳᠠᠨᠰᠠᠨ ᠲᠣᠭᠳᠠᠴᠠ ᠶᠢ ᠳᠦᠷᠬᠡᠳᠬᠡᠨ ᠪᠠᠶᠢᠭᠤᠯᠵᠣ᠂ ᠥᠭᠡᠷᠡᠴᠢᠯᠡᠯᠳᠡ | ᠶᠢᠨ ᠠᠰᠢᠭ ᠬᠦᠷᠳᠡᠬᠡᠮᠵᠢ ᠶᠢ ᠮᠠᠯᠴᠢᠨ ᠲᠠᠷᠢᠶᠠᠴᠢᠳ ᠢᠶᠠᠷ ᠡᠳ᠋ᠯᠡᠭᠦᠯᠦᠨ᠎ᠡ᠃ ᠨᠠᠶᠢᠭᠡᠮ ᠤᠨ ᠬᠦᠷᠢᠶ᠎ᠠ ᠴᠠᠷ᠎ᠠ ᠶᠢᠨ | ᠥᠭᠡᠷᠡᠴᠢᠯᠡᠯᠳᠡ ᠶᠢ ᠯᠠᠪᠳᠠᠭᠤᠨ ᠢᠶᠠᠷ ᠠᠬᠢᠭᠤᠯᠣᠨ᠎ᠠ᠃ ᠣᠯᠣᠰ ᠤᠨ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠲᠡᠩᠴᠡᠭᠦᠷᠢᠲᠠᠢ ᠪᠦᠲᠦᠭᠡᠨ ᠪᠠᠶᠢᠭᠤᠯᠣᠯᠳᠡ ᠶᠢᠨ ᠦᠷ᠎ᠡ ᠪᠦᠲᠦᠮᠵᠢ ᠶᠢ ᠪᠠᠲᠣᠳᠬᠠᠨ᠎ᠠ᠃ ᠠᠯᠪᠠᠨ ᠠᠴᠠ | ᠡᠷᠬᠢᠯᠡᠭᠰᠡᠰᠨ ᠡᠮᠨᠡᠯᠭᠡ ᠶᠢᠨ ᠬᠤᠷᠢᠶᠠᠨ ᠤ ᠶᠡᠷᠥᠩᠬᠡᠶᠢᠯᠡᠭᠰᠡᠨ ᠦᠭᠡᠷᠡᠴᠢᠯᠡᠯᠳᠡ ᠶᠢ ᠭᠦᠨᠵᠡᠭᠡᠶᠢᠷᠡᠭᠦᠯᠵᠤ᠂ ᠣᠶᠣᠨᠳᠦ | ᠡᠮ ᠡᠮᠨᠡᠯᠭᠡ ᠶᠢᠨ ᠰᠢᠰᠲ᠋ᠧᠮ ᠤᠨ ᠪᠦᠲᠦᠭᠡᠨ ᠪᠠᠶᠢᠭᠤᠯᠣᠯᠳᠡ ᠶᠢ ᠡᠬᠢᠯᠡᠭᠦᠯᠵᠤ᠂ ᠡᠮ ᠡᠮᠨᠡᠯᠭᠡ ᠶᠢᠨ ᠦᠢᠯᠡᠴᠢᠯᠡᠭᠡ | ᠨᠠᠩ ᠦᠨᠳᠦᠷ ᠦᠷ᠎ᠡ ᠠᠰᠢᠭ ᠲᠠᠢ ᠪᠣᠯᠬᠤ ᠶᠢ ᠠᠬᠢᠭᠤᠯᠤᠨ᠎ᠠ᠃ ᠵᠠᠰᠠᠭ ᠤᠨ ᠣᠷᠳᠣᠨ ᠤ ᠬᠤᠳᠠᠯᠳᠣᠨ ᠠᠪᠬᠤ | ᠦᠢᠯᠡᠴᠢᠯᠡᠭᠡᠨ ᠤ ᠬᠦᠴᠦᠯᠡᠴᠡ ᠶᠢ ᠶᠡᠬᠡᠳᠬᠡᠵᠤ᠂ ︽ᠡᠮᠨᠡᠯᠭᠡ ᠰᠣᠪᠢᠯᠠᠯᠳᠡ ᠶᠢ ᠤᠶᠠᠯᠳᠤᠭᠤᠯᠤᠭᠰᠠᠨ︾ ᠨᠠᠰᠣᠵᠢᠯ | ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠭᠡᠨ ᠪᠠᠶᠢᠭᠤᠯᠤᠨ᠎ᠠ᠃ ᠠᠵᠢᠯ ᠦᠢᠯᠡᠰ ᠤᠨ ᠪᠠᠶᠢᠭᠤᠯᠤᠯᠭ᠎ᠠ ᠶᠢᠨ | ᠠᠵᠢᠯᠳᠠᠨ ᠤ ᠲᠦᠷᠢᠮ ᠤᠨ ᠥᠭᠡᠷᠡᠴᠢᠯᠡᠯᠳᠡ ᠪᠠ ᠬᠢᠷᠢ ᠭᠡᠮ ᠤᠨ ᠲᠦᠷᠢᠮ ᠤᠨ ᠥᠭᠡᠷᠡᠴᠢᠯᠡᠯᠳᠡ ᠶᠢ | ᠭᠦᠨᠵᠡᠭᠡᠶᠢᠷᠡᠭᠦᠯᠤᠨ᠎ᠡ᠃ ᠵᠡᠭᠡᠯᠢ ᠭᠤᠳᠣᠮᠵᠢ ᠨᠠᠶᠢᠭᠡᠮ ᠲᠣᠭᠤᠷᠢᠭ ᠤᠨ ᠬᠠᠮᠢᠶᠠᠷᠤᠯᠳᠡ ᠶᠢᠨ ᠲᠣᠭᠳᠠᠴᠠ ᠶᠢᠨ | ᠪᠠᠶᠢᠭᠤᠯᠤᠮᠵᠢ ᠶᠢᠨ ᠥᠭᠡᠷᠡᠴᠢᠯᠡᠯᠳᠡ ᠶᠢ ᠠᠬᠢᠭᠤᠯᠵᠣ᠂ ᠬᠤᠳᠠ ᠪᠠᠯᠭᠠᠰᠣᠨ ᠤ ᠨᠠᠶᠢᠬᠡᠮ ᠲᠣᠭᠤᠷᠢᠭ ᠤᠨ | ᠪᠠᠶᠢᠷᠢᠯᠠᠭᠤᠯᠣᠯᠳᠡ ᠪᠠ ᠬᠡᠪᠴᠢᠶ᠎ᠠ ᠶᠢ ᠵᠥᠢ ᠵᠣᠬᠢᠰᠲᠠᠢ ᠲᠤᠬᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠲᠣᠷᠰᠢᠯᠳᠡ ᠶᠢᠨ ᠴᠡᠭ ᠤᠨ ᠪᠦᠲᠦᠭᠡᠨ ᠪᠠᠶᠢᠭᠤᠯᠤᠯᠳᠡ ᠶᠢ ᠰᠥᠪᠡᠭᠴᠢᠯᠡᠵᠣ᠂ ᠥᠪᠡᠷ ᠢ ᠢᠶᠠᠨ ᠵᠠᠰᠠᠬᠤ ᠴᠢᠳᠠᠪᠣᠷᠢ | ᠶᠢ ᠴᠢᠩᠭᠠᠷᠠᠭᠤᠯᠣᠨ᠎ᠠ᠃ ᠬᠠᠤᠯᠢ ᠶᠤᠰᠤᠭᠠᠷ ᠣᠯᠣᠰ ᠢᠶᠠᠨ ᠵᠠᠰᠠᠬᠤ ᠴᠢᠭᠯᠡᠯᠳᠡ ᠶᠢ ᠲᠣᠣᠱᠯᠠᠭᠤᠯᠵᠣ᠂ ᠬᠠᠣᠯᠢ | ᠴᠭᠠᠵᠠ ᠶᠢᠨ ᠲᠣᠭᠳᠠᠴᠠ᠂ ᠣᠯᠠᠨ ᠨᠠᠶᠢᠳᠡ ᠶᠢᠨ ᠠᠮᠣᠷ ᠲᠥᠪᠰᠢᠨ ᠤ ᠬᠦᠷᠢᠶ᠎ᠠ ᠳᠠᠬᠢ ᠦᠭᠡᠷᠡᠴᠢᠯᠡᠯᠳᠡ ᠶᠢ | ᠴᠢᠷᠮᠠᠶᠢᠨ ᠠᠬᠢᠭᠤᠯᠤᠨ᠎ᠠ᠃ | ︵ᠬᠤᠶᠠᠷ︶ ︽ᠶᠡᠭᠡ ᠨᠡᠭᠡᠭᠡᠯᠳᠡ ᠬᠢᠬᠦ︾ ᠪᠠᠶᠢᠳᠠᠯ ᠢ ᠪᠤᠢ ᠪᠤᠯᠭᠠᠨ᠎ᠠ᠃ ︽ᠨᠢᠭᠡ ᠪᠦᠰᠡ ᠨᠢᠭᠡ ᠵᠠᠮ︾ ᠳᠤ | ᠢᠳᠡᠪᠬᠢᠳᠠᠢ ᠣᠷᠣᠯᠴᠠᠵᠣ᠂ ᠵᠠᠰᠠᠭ ᠵᠠᠬᠢᠷᠭᠠᠨ ᠤ ᠣᠷᠣᠨ ᠢ ᠰᠤᠨᠳᠠᠯᠠᠭᠰᠠᠨ ᠠᠵᠤ ᠦᠢᠯᠡᠰ ᠤᠨ ᠬᠠᠮᠳᠤᠷᠠᠯᠴᠠᠭ᠎ᠠ᠂ | ᠠᠰᠢᠭ ᠲᠣᠰᠠ ᠶᠢᠨ ᠬᠤᠪᠢᠶᠠᠷᠢᠯᠡᠯ ᠤᠨ ᠲᠣᠭᠳᠠᠴᠠ ᠶᠢ ᠪᠠᠶᠢᠭᠤᠯᠵᠤ᠂ ᠭᠠᠵᠠᠷ ᠣᠷᠣᠨ ᠤ ᠬᠠᠮᠲᠤᠷᠠᠨ ᠬᠦᠭᠵᠢᠭᠦ ᠶᠢ | ᠠᠬᠢᠭᠤᠯᠤᠨ᠂ ᠠᠯᠠᠱᠠ ᠵᠡᠭᠦᠨ ᠬᠤᠰᠢᠭᠤᠨ ᠤ ᠣᠨᠴᠠᠯᠢᠭᠲᠣ ᠠᠶᠠᠯᠠᠯ ᠵᠢᠭᠤᠯᠴᠢᠯᠠᠯ ᠤᠨ ᠡᠬᠢ ᠰᠤᠷᠪᠣᠯᠵᠢ ᠨᠢ | ᠬᠦᠷᠰᠢ ᠵᠡᠷᠭᠡᠯᠡᠳᠡᠭᠡ ᠠᠶᠠᠯᠠᠯ ᠵᠢᠭᠤᠯᠴᠢᠯᠠᠯ ᠤᠨ ᠡᠬᠢ ᠰᠤᠷᠪᠤᠯᠵᠢ ᠲᠠᠢ ᠬᠠᠷᠢᠯᠴᠠᠨ ᠲᠦᠰᠢᠯᠴᠡᠵᠣ᠂ ᠤᠨᠴᠠᠯᠢᠭᠲᠤ | ᠪᠦᠲᠦᠭᠡᠭᠳᠡᠭᠦᠨ ᠨᠢ ᠬᠦᠷᠰᠢ ᠵᠡᠷᠭᠡᠯᠡᠳᠡᠭᠡ ᠲᠠᠪᠠᠭᠤᠯᠢᠭᠲᠤ ᠪᠦᠲᠦᠭᠡᠭᠳᠡᠭᠦᠨ ᠲᠠᠢ ᠬᠠᠷᠢᠯᠴᠠᠨ ᠨᠥᠬᠦᠪᠦᠷᠢᠯᠠᠵᠤ᠂ | ᠵᠠᠬ᠎ᠠ ᠳᠡᠯᠭᠡᠭᠦᠷ ᠨᠢ ᠬᠦᠷᠰᠢ ᠵᠡᠷᠭᠡᠯᠡᠳᠡᠭᠡ ᠲᠤᠮᠤ ᠲᠤᠮᠳᠡ ᠬᠤᠳᠠ ᠶᠢᠨ ᠵᠠᠬ᠎ᠠ ᠲᠡᠯᠭᠡᠭᠦᠷ ᠲᠠᠢ ᠬᠠᠷᠢᠯᠴᠠᠨ | ᠲᠡᠮᠵᠢᠯᠴᠡᠬᠦ ᠪᠤᠯᠭᠠᠨ᠎ᠠ᠃ ᠲᠣᠰ ᠭᠠᠵᠠᠷ ᠤᠷᠤᠨ ᠤ ᠠᠵᠣ ᠠᠬᠤᠶᠢᠯᠠᠯ ᠨᠢ ᠣᠯᠠᠨ ᠣᠯᠣᠰ ᠤᠨ ᠵᠠᠬ᠎ᠠ ᠳᠡᠯᠭᠡᠭᠦᠷ | ᠲᠡᠰᠢ ᠦᠷᠭᠡᠳᠬᠦ ᠶᠢ ᠳᠡᠮᠵᠢᠵᠣ᠂ ᠭᠠᠳᠠᠭᠠᠳᠤ ᠠᠷᠠᠯᠵᠢᠶᠠᠨ ᠤ ᠭᠠᠳᠠᠭᠰᠢ ᠭᠠᠷᠬᠤ ᠬᠦᠴᠦᠯᠡᠴᠡ ᠪᠠᠨ ᠶᠡᠭᠡᠳᠬᠡᠨ᠂ | ᠭᠠᠳᠠᠭᠰᠢ ᠪᠠᠨ ᠬᠦᠭᠵᠢᠬᠦᠯᠬᠦ ᠬᠡᠯᠪᠡᠷᠢᠳᠤ ᠠᠵᠤ ᠠᠬᠤᠢ ᠶᠢ ᠳᠦᠷᠬᠡᠳᠬᠡᠨ ᠬᠦᠭᠵᠢᠬᠦᠯᠦᠨ᠎ᠡ᠃ ᠤᠮᠠᠷᠠᠰᠢ ᠪᠠᠨ | ᠨᠡᠬᠡᠬᠡᠯᠳᠡ ᠬᠢᠬᠦ ᠠᠬᠢᠴᠠ ᠶᠢ ᠶᠡᠬᠡᠪᠡᠷ ᠠᠬᠢᠭᠤᠯᠵᠤ᠂ 11.2 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠬᠤ | ᠪᠠᠷ ᠳᠦᠯᠦᠪᠯᠡᠵᠤ᠂ ᠦᠯᠵᠡᠢ ᠪᠤᠭᠤᠮᠳᠠ ᠶᠢᠨ 21 ᠳᠦᠯᠦᠪᠵᠢᠬᠦᠯᠬᠡ ᠶᠢᠨ ᠪᠦᠳᠦᠬᠡᠨ ᠪᠠᠶᠢᠭᠤᠯᠤᠯᠳᠠ ᠶᠢᠨ | ᠳᠦᠷᠦᠯ ᠵᠦᠢᠯ ᠢ ᠬᠡᠷᠡᠭᠵᠢᠬᠦᠯᠵᠤ᠂ ᠠᠶᠠᠯᠠᠯ ᠵᠢᠭᠤᠯᠴᠢᠯᠠᠯ᠂ ᠨᠤᠭᠤᠭᠠᠷᠠᠭᠤᠯᠤᠯᠳᠠ᠂ ᠦᠶᠡᠷ ᠢ ᠰᠡᠷᠬᠡᠶᠢᠯᠡᠬᠦ᠂ | ᠤᠯᠠᠨᠪᠤᠯᠠᠭ ᠤᠨ ᠤᠯᠠᠨ ᠤᠯᠤᠰ ᠤᠨ ᠪᠤᠳᠠᠰ ᠤᠨ ᠬᠦᠢᠯᠬᠡᠬᠡᠨ ᠤ ᠬᠦᠷᠢᠶᠡᠯᠡᠩ ︵ᠭᠠᠶᠢᠯᠢ ᠠᠴᠠ ᠬᠡᠯᠳᠦᠷᠢᠬᠦᠯᠬᠦ | ᠳᠤᠭᠤᠷᠢᠭ︶ ᠤᠨ 4 ᠳᠤᠰᠬᠠᠢ ᠳᠦᠷᠦᠯ ᠤᠨ ᠳᠦᠯᠦᠪᠵᠢᠬᠦᠯᠬᠡ ᠪᠠ ᠤᠰᠤᠨ ᠤ ᠡᠬᠢ ᠰᠤᠷᠪᠤᠯᠵᠢ ᠶᠢ | ᠳᠤᠬᠢᠷᠠᠭᠤᠯᠬᠤ ᠳᠦᠰᠦᠪ ᠢ ᠪᠡᠶᠡᠯᠡᠬᠦᠯᠦᠨ᠎ᠡ᠃ ᠵᠤᠬᠢᠴᠠᠭᠤᠯᠬᠤ ᠬᠦᠴᠦᠯᠡᠴᠡ ᠪᠠᠨ ᠶᠡᠬᠡᠳᠬᠡᠵᠤ᠂ ︽ᠨᠢᠬᠡ | ᠪᠤᠭᠤᠮᠳᠠ ᠬᠤᠶᠠᠷ ᠪᠠᠶᠢᠴᠠᠭᠠᠯᠳᠠ︾ ᠶᠢᠨ ᠪᠤᠭᠤᠮᠳᠠ ᠨᠡᠪᠳᠡᠷᠡᠬᠦᠯᠬᠦ ᠰᠢᠯᠭᠠᠨ ᠬᠤᠷᠢᠶᠠᠯᠳᠠ ᠶᠢ ᠦᠩᠬᠡᠷᠡᠬᠡᠬᠦ ᠪᠠᠷ | ᠴᠢᠷᠮᠠᠶᠢᠨ᠎ᠠ᠃ ᠦᠯᠵᠡᠢ ᠪᠤᠭᠤᠮᠳᠠ ᠶᠢ ᠪᠦᠬᠦ ᠬᠦᠴᠦ ᠪᠠᠷ ᠪᠠᠶᠢᠭᠤᠯᠬᠤ ᠪᠠᠷ ᠤᠷᠢᠳᠠᠯ ᠪᠤᠯᠭᠠᠵᠤ᠂ ᠦᠪᠦᠷ ᠮᠤᠩᠭᠤᠯ | ᠂ ᠤᠷᠤᠰ ᠵᠢᠴᠢ ᠵᠡᠬᠦᠨ ᠡᠸᠦ᠋ᠷᠦᠫᠠ ᠶᠢᠨ ᠭᠠᠵᠠᠷ ᠤᠷᠤᠨ ᠳᠤ ᠴᠢᠭᠯᠡᠬᠦᠯᠦᠨ᠂ ᠭᠠᠨᠰᠤ᠂ ᠨᠢᠩᠰᠢᠶᠠ ᠵᠢᠴᠢ ᠤᠮᠠᠷᠠᠳᠤ | ᠶᠢᠨ ᠭᠠᠵᠠᠷ ᠤᠷᠤᠨ ᠳᠡᠰᠢ ᠨᠡᠬᠡᠬᠡᠯᠳᠡ ᠬᠢᠬᠦ ᠳᠦᠷᠦᠬᠦᠴᠢ ᠶᠢᠨ ᠪᠠᠬᠢᠯᠡᠯᠳᠡ ᠪᠤᠯᠭᠠᠨ᠎ᠠ᠃ | ︵ᠭᠤᠷᠪᠠ︶ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠤᠯᠭᠠᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠨ᠎ᠠ᠃ ︽ | ᠤᠯᠠᠨ ᠳᠠᠶᠠᠭᠠᠷ ᠢᠶᠠᠷ ᠢᠶᠠᠨ ᠠᠳᠠᠯ ᠪᠤᠰᠬᠠᠵᠤ᠂ ᠳᠠᠶᠠᠩ ᠪᠦᠬᠦᠳᠡᠬᠡᠷ ᠢᠶᠠᠨ ᠰᠢᠨᠡᠴᠢᠯᠡᠯᠳᠡ ᠬᠢᠬᠦ︾ ᠶᠢ ᠠᠬᠢᠭᠤᠯᠵᠤ᠂ | ᠡᠯᠡᠰᠦᠨ ᠤ ᠠᠵᠤ ᠦᠢᠯᠡᠰ ᠤᠨ ᠦᠢᠯᠡᠰ ᠪᠤᠰᠬᠠᠬᠤ ᠪᠡᠯᠡ ᠤᠷᠤᠭᠤᠯᠤᠯᠳᠠ ᠶᠢᠨ ᠰᠠᠭᠤᠷᠢ ᠮᠦᠩᠬᠦᠨ ᠤ | ᠦᠢᠯᠡᠳᠦᠯ ᠢ ᠪᠠᠳᠠᠷᠠᠭᠤᠯᠵᠤ᠂ ᠰᠢᠨᠵᠢᠯᠡᠭᠡ ᠲᠧᠭᠨᠢᠭ ᠢᠶᠠᠷ ᠰᠠᠭᠤᠷᠢ ᠮᠦᠩᠬᠦ ᠶᠢ ᠤᠳᠤᠷᠢᠳᠬᠤ ᠶᠢ ᠰᠦᠪᠡᠭᠴᠢᠯᠡᠨ | ᠪᠠᠶᠢᠭᠤᠯᠵᠤ᠂ ᠰᠢᠨ᠎ᠡ ᠶᠢ ᠡᠬᠦᠳᠦᠨ ᠠᠳᠠᠯ ᠪᠤᠰᠬᠠᠬᠤ ᠶᠢ ᠵᠤᠷᠢᠭᠵᠢᠭᠤᠯᠬᠤ ᠪᠠ ᠳᠡᠮᠵᠢᠨ᠎ᠡ᠃ ᠡᠯ᠎ᠡ ᠳᠦᠷᠦᠯ ᠤᠨ | ᠰᠢᠨᠵᠢᠯᠡᠭᠡ ᠰᠤᠳᠤᠯᠭᠠᠨ ᠤ ᠡᠬᠢ ᠰᠤᠷᠪᠤᠯᠵᠢ ᠶᠢ ᠨᠢᠬᠡᠳᠬᠡᠵᠤ᠂ ᠰᠢᠨᠵᠢᠯᠡᠭᠡ ᠰᠤᠳᠤᠯᠭᠠᠨ ᠤ ᠳᠤᠨᠤᠭ | ᠳᠦᠬᠦᠬᠡᠷᠦᠮᠵᠢ ᠶᠢ ᠬᠠᠮᠳᠤᠪᠠᠷ ᠡᠳ᠋ᠯᠡᠬᠦ ᠳᠤᠭᠳᠠᠴᠠ ᠶᠢ ᠪᠠᠶᠢᠭᠤᠯᠤᠨ᠂ ᠰᠢᠨᠵᠢᠯᠡᠭᠡ ᠰᠤᠳᠤᠯᠭᠠᠨ ᠤ ᠵᠦᠪᠰᠢᠶᠡᠷᠡᠯ ᠪᠠ | ᠦᠪᠡᠷ ᠤᠨ ᠦᠷᠳᠡᠭ ᠢ ᠪᠠᠭᠤᠷᠠᠭᠤᠯᠤᠨ᠎ᠠ᠃ ᠤᠯᠠᠨ ᠳᠡᠰ ᠳᠠᠪᠬᠤᠷᠭ᠎ᠠ᠂ ᠤᠯᠠᠨ ᠬᠦᠷᠢᠶ᠎ᠡ ᠴᠠᠷ᠎ᠠ ᠠᠴᠠ ᠡᠷᠳᠡᠮ | ᠰᠢᠨᠵᠢᠯᠡᠭᠡ ᠰᠤᠳᠤᠯᠭᠠᠨ ᠤ ᠳᠠᠪᠴᠠᠩ ᠢ ᠢᠳᠡᠪᠬᠢᠳᠡᠢ ᠪᠠᠷ ᠪᠠᠶᠢᠭᠤᠯᠵᠤ᠂ ᠳᠤᠰ ᠭᠠᠵᠠᠷ ᠤᠷᠤᠨ ᠤ ᠰᠢᠨᠵᠢᠯᠡᠭᠡ | ᠲᠧᠭᠨᠢᠭ ᠤᠨ ᠴᠢᠳᠠᠪᠤᠷᠢᠳᠠᠨ ᠢ ᠬᠦᠮᠦᠵᠢᠬᠦᠯᠬᠦ ᠪᠠ ᠰᠤᠳᠤᠯᠭᠠᠨ ᠤ ᠳᠦᠷᠦᠯ ᠤᠨ ᠳᠠᠭᠠᠭᠤᠯᠤᠭᠴᠢ ᠴᠢᠨᠠᠷᠳᠠᠢ | ᠴᠢᠳᠠᠪᠤᠷᠢᠳᠠᠨ ᠢ ᠤᠷᠢᠨ ᠠᠪᠴᠢᠷᠠᠬᠤ ᠶᠢ ᠳᠦᠷᠬᠡᠳᠬᠡᠵᠤ᠂ ᠠᠵᠤ ᠠᠬᠤᠢ ᠨᠡᠶᠢᠬᠡᠮ ᠤᠨ ᠬᠦᠭᠵᠢᠯᠳᠡ ᠶᠢ ᠪᠦᠬᠦ | ᠲᠠᠯ᠎ᠠ ᠪᠠᠷ ᠳᠤᠯᠭᠠᠭᠤᠷᠢᠯᠠᠨᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠬᠡᠵᠢᠯ ᠤᠨ | ᠬᠦᠷᠢᠶᠡᠯᠡᠩ ᠵᠡᠷᠬᠡ ᠰᠢᠨᠵᠢᠯᠡᠭᠡ ᠰᠤᠳᠤᠯᠭᠠᠨ ᠤ ᠭᠠᠵᠠᠷ ᠲᠠᠢ ᠬᠠᠮᠳᠤᠷᠠᠨ ᠠᠵᠢᠯᠯᠠᠬᠤ ᠲᠦᠷᠦᠯ ᠵᠦᠢᠯ ᠢᠶᠠᠨ | ᠰᠠᠶᠢᠳᠤᠷ ᠬᠡᠷᠡᠭᠵᠢᠬᠦᠯᠵᠦ᠂ ᠮᠡᠷᠬᠡᠵᠢᠯ ᠤᠨ ᠰᠢᠨᠡᠴᠢᠯᠡᠯᠳᠡ ᠪᠠ ᠪᠦᠳᠦᠬᠡᠭᠳᠡᠬᠦᠨ ᠤ ᠰᠤᠳᠤᠯᠤᠯᠳᠠ ᠨᠡᠬᠡᠬᠡᠯᠳᠡ ᠶᠢ | ᠴᠢᠩᠭᠠᠳᠬᠠᠨ᠂ ᠬᠦᠷᠦᠰᠦ ᠰᠢᠷᠤᠢ ᠦᠷ᠎ᠡ᠂ ᠲᠠᠷᠢᠮᠠᠯ ᠤᠨ ᠮᠡᠷᠬᠡᠵᠢᠯ᠂ ᠠᠮᠢ ᠠᠬᠤᠢ ᠶᠢᠨ ᠬᠦᠷᠢᠶ᠎ᠡ ᠴᠡᠷ᠎ᠡ ᠪᠤᠯᠤᠨ | ᠤᠯᠠᠮᠵᠢᠯᠠᠯᠳᠤ ᠠᠵᠤ ᠦᠢᠯᠡᠰ ᠤᠨ ᠲᠡᠰ ᠲᠡᠪᠰᠢᠬᠦᠯᠦᠨ ᠰᠠᠶᠢᠵᠢᠷᠠᠭᠤᠯᠬᠤ ᠵᠠᠩᠭᠢᠯᠠᠭ᠎ᠠ ᠶᠢᠨ ᠮᠡᠷᠬᠡᠵᠢᠯ ᠤᠨ ᠲᠠᠯ᠎ᠠ ᠪᠠᠷ | ᠰᠢᠪᠳᠤᠯᠤᠯᠳᠠ ᠲᠠᠢ ᠪᠤᠯᠬᠤ ᠪᠠᠷ ᠴᠢᠷᠮᠠᠶᠢᠨ᠎ᠠ᠃ ᠰᠢᠨᠵᠢᠯᠡᠭᠡ ᠲᠧᠭᠨᠢᠭ ᠤᠨ ᠦᠷ᠎ᠡ ᠪᠦᠳᠦᠮᠵᠢ ᠶᠢᠨ | ᠬᠤᠪᠢᠷᠠᠭᠤᠯᠤᠯᠳᠠ ᠪᠠ ᠲᠤᠷᠰᠢᠯᠳᠠ ᠶᠢᠨ ᠪᠦᠳᠦᠭᠡᠭᠳᠡᠬᠦᠨ ᠢ ᠵᠠᠬ᠎ᠠ ᠳᠤ ᠭᠠᠷᠭᠠᠬᠤ ᠶᠢ ᠠᠬᠢᠭᠤᠯᠵᠤ᠂ | ᠬᠡᠪᠴᠢᠶᠡᠵᠢᠭᠰᠡᠨ ᠦᠢᠯᠡᠳᠪᠦᠷᠢᠯᠡᠯ ᠢ ᠪᠡᠶᠡᠯᠡᠬᠦᠯᠦᠨ᠎ᠡ᠃ ᠲᠡᠷᠢᠬᠦᠨ ᠤ ᠬᠡᠷᠡᠭᠯᠡᠬᠡᠨ ᠤ ᠮᠡᠷᠬᠡᠵᠢᠯ ᠢ ᠶᠡᠬᠡᠪᠡᠷ ᠤᠷᠢᠨ | ᠤᠷᠤᠭᠤᠯᠬᠤ ᠪᠠ ᠰᠢᠩᠬᠡᠬᠡᠵᠦ᠂ ᠵᠢᠱᠢᠶ᠎ᠡ ᠦᠵᠡᠬᠦᠯᠬᠦ᠂ ᠲᠦᠬᠡᠮᠡᠯᠵᠢᠬᠦᠯᠦᠨ ᠬᠡᠷᠡᠭᠯᠡᠬᠦ ᠶᠢ ᠲᠦᠷᠬᠡᠳᠬᠡᠨ᠎ᠡ᠃ | ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠡᠨᠧᠷᠬᠢ ᠶᠢᠨ ᠰᠤᠷᠪᠤᠯᠵᠢ ᠶᠢᠨ ᠮᠡᠷᠬᠡᠵᠢᠯ ᠪᠤᠯᠤᠨ ᠲᠤᠨᠤᠭ | ᠲᠦᠬᠦᠬᠡᠷᠦᠮᠵᠢ ᠶᠢᠨ ᠲᠦᠭᠡᠮᠡᠯᠵᠢᠬᠦᠯᠦᠯᠳᠡ ᠬᠡᠷᠡᠭᠯᠡᠬᠡᠨ ᠤ ᠬᠦᠴᠦᠯᠡᠴᠡ ᠪᠠᠨ ᠶᠡᠬᠡᠳᠬᠡᠵᠦ᠂ ᠮᠠᠯᠴᠢᠨ ᠲᠠᠷᠢᠶᠠᠴᠢᠨ ᠤ | ᠠᠮᠢᠳᠤᠷᠠᠯ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠤᠨ᠎ᠠ᠃ | ᠵᠢᠷᠭᠤᠭ᠎ᠠ᠂ ᠦᠷ᠎ᠡ ᠪᠦᠳᠦᠮᠵᠢ ᠪᠠᠨ ᠬᠠᠮᠳᠤᠪᠠᠷ ᠡᠳ᠋ᠯᠡᠬᠦ ᠶᠢ ᠴᠢᠷᠮᠠᠶᠢᠨ ᠠᠬᠢᠭᠤᠯᠵᠤ᠂ ᠤᠯᠠᠨ ᠲᠦᠮᠡᠨ ᠤ ᠵᠤᠯ | ᠵᠢᠷᠭᠠᠯ ᠤᠨ ᠬᠠᠨᠤᠮᠵᠢ ᠶᠢᠨ ᠬᠡᠮᠵᠢᠶ᠎ᠠ ᠶᠢ ᠲᠡᠭᠡᠭᠰᠢᠯᠡᠬᠦᠯᠦᠨ᠎ᠡ᠃ | ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠨ ᠠᠮᠢᠳᠤᠷᠠᠯ ᠢ ᠦᠨᠡᠨᠬᠦ ᠪᠠᠳᠤᠯᠠᠬᠤ | ᠪᠠ ᠰᠠᠶᠢᠵᠢᠷᠠᠭᠤᠯᠤᠨ᠂ ᠨᠡᠶᠢᠬᠡᠮ ᠤᠨ ᠡᠯ᠎ᠡ ᠲᠦᠷᠦᠯ ᠤᠨ ᠠᠵᠤ ᠦᠢᠯᠡᠰ ᠤᠨ ᠪᠦᠬᠦ ᠲᠠᠯ᠎ᠠ ᠶᠢᠨ ᠬᠦᠭᠵᠢᠯᠳᠡ ᠶᠢ | ᠨᠢᠬᠡᠳᠦᠯᠳᠡᠢ ᠲᠦᠯᠦᠪᠵᠢᠬᠦᠯᠦᠨ ᠠᠬᠢᠭᠤᠯᠵᠤ᠂ ᠨᠡᠩ ᠤᠯᠠᠨ ᠦᠬᠡᠷᠡᠴᠢᠯᠡᠯᠳᠡ᠂ ᠬᠦᠭᠵᠢᠯᠳᠡ ᠶᠢᠨ ᠦᠷ᠎ᠡ ᠪᠦᠳᠦᠮᠵᠢ | ᠶᠢ ᠤᠯᠠᠨ ᠲᠦᠮᠡᠨ ᠳᠤ ᠬᠠᠮᠳᠤᠪᠠᠷ ᠡᠳ᠋ᠯᠡᠬᠦᠯᠦᠨ᠎ᠡ᠃ | ︵ᠨᠢᠬᠡ︶ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠦᠷ᠎ᠡ ᠪᠦᠳᠦᠮᠵᠢ ᠶᠢ ᠪᠠᠬᠢᠵᠢᠬᠦᠯᠦᠨ | ᠲᠡᠭᠡᠭᠰᠢᠯᠡᠬᠦᠯᠦᠨ᠎ᠡ᠃ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠬᠤᠪᠢᠷᠠᠬᠤ ᠦᠬᠡᠢ᠂ ᠲᠡᠳᠬᠦᠨ ᠬᠠᠪᠰᠤᠷᠬᠤ | ᠪᠡᠯᠡ ᠮᠦᠩᠬᠦ ᠶᠢ ᠪᠠᠭᠤᠷᠠᠭᠤᠯᠬᠤ ᠦᠬᠡᠢ ᠪᠠᠶᠢᠬᠤ ᠶᠢ ᠪᠠᠳᠤᠯᠠᠵᠤ᠂ ᠶᠠᠳᠠᠭᠤ ᠠᠴᠠ ᠠᠩᠬᠢᠵᠢᠷᠠᠭᠤᠯᠬᠤ ᠶᠢ | ᠪᠠᠬᠢᠵᠢᠬᠦᠯᠦᠨ ᠲᠡᠭᠡᠭᠰᠢᠯᠡᠬᠦᠯᠬᠦ ᠲᠤᠭᠳᠠᠴᠠ ᠶᠢ ᠪᠠᠶᠢᠭᠤᠯᠤᠨ ᠲᠡᠬᠦᠯᠳᠡᠷᠵᠢᠬᠦᠯᠦᠨ᠎ᠡ᠃ ᠲᠠᠪᠤᠨ ᠶᠡᠭᠡ ᠠᠵᠤ ᠦᠢᠯᠡᠰ | ᠪᠤᠯᠤᠨ ᠭᠤᠤᠯᠳᠠᠯᠭ᠎ᠠ ᠲᠠᠢ ᠲᠦᠷᠦᠯ ᠵᠦᠢᠯ ᠤᠨ ᠲᠤᠭᠤᠷᠢᠨ ᠳᠤ᠂ ᠲᠣᠰᠬᠠᠢ ᠮᠡᠷᠭᠡᠵᠢᠯ ᠤᠨ ᠲᠣᠮᠣ ᠡᠷᠤᠬᠡ ᠵᠢᠴᠢ | ᠰᠢᠨ᠎ᠠ ᠬᠡᠯᠪᠡᠷᠢᠲᠣ ᠡᠵᠡᠩᠨᠡᠯᠳᠡ ᠶᠢᠨ ᠭᠤᠣᠯ ᠴᠣᠭᠴᠠ ᠪᠣᠯᠣᠨ ᠮᠠᠯᠴᠢᠨ ᠲᠠᠷᠢᠶᠠᠴᠢᠨ᠂ ᠭᠠᠴᠠᠭ᠎ᠠ ᠲᠣᠰᠬᠤᠨ ᠤ | ᠬᠠᠮᠳᠣ ᠨᠠᠶᠢᠳᠡ᠂ ᠲᠣᠯᠣᠭᠠᠶᠢᠯᠠᠬᠤ ᠠᠵᠣ ᠦᠢᠯᠡᠰ᠂ ᠬᠠᠮᠳᠣ ᠨᠠᠶᠢᠳᠡ ᠶᠢᠨ ᠡᠬᠢ ᠰᠣᠷᠪᠣᠯᠵᠢ ᠪᠠ ᠡᠳ᠋ | ᠬᠦᠷᠦᠩᠬᠡ ᠶᠢᠨ ᠠᠰᠢᠭ ᠣᠯᠵᠠ ᠶᠢ ᠬᠠᠮᠲᠣᠪᠠᠷ ᠡᠳ᠋ᠯᠡᠬᠦ ᠪᠠᠶᠢᠡᠭᠭᠤ ᠶᠢᠨ ᠪᠦᠳᠦᠮᠵᠢᠲᠦ ᠲᠣᠭᠳᠠᠴᠠ ᠶᠢ ᠪᠠᠶᠢᠭᠤᠯᠣᠨ᠎ᠠ᠃ | ᠨᠠᠶᠢᠬᠡᠮ ᠤᠨ ᠪᠠᠲᠤᠯᠠᠭ᠎ᠠ ᠶᠢ ᠴᠢᠩᠭᠠᠷᠠᠭᠤᠯᠵᠣ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠪᠣᠯᠬᠤ | ᠴᠢᠨᠠᠷᠲᠠᠢ᠂ ᠪᠣᠳᠠᠲᠠᠢ ᠶᠢ ᠲᠤᠰᠬᠠᠭᠰᠠᠨ ᠴᠢᠨᠠᠷᠲᠠᠢ ᠠᠷᠠᠳ ᠤᠨ ᠠᠮᠢᠳᠦᠷᠠᠯ ᠤᠨ ᠢᠨᠵᠧᠨᠧᠷᠢᠩ ᠢ ᠯᠠᠪᠳᠠᠭᠤᠨ ᠢᠶᠠᠷ | ᠰᠠᠶᠢᠲᠣᠷ ᠬᠢᠵᠣ᠂ ᠡᠷᠡᠭᠦᠯ ᠮᠠᠨᠳᠣ ᠪᠠᠷ ᠶᠠᠳᠠᠭᠤ ᠶᠢ ᠲᠡᠳᠭᠦᠭᠦ᠂ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠭᠦ᠂ | ᠠᠶᠠᠯᠠᠯ ᠵᠢᠭᠤᠯᠴᠢᠯᠠᠯ ᠢᠶᠠᠷ ᠶᠠᠳᠠᠭᠤ ᠶᠢ ᠲᠡᠳᠭᠦᠭᠦ ᠶᠢ ᠴᠢᠷᠮᠠᠶᠢᠨ ᠠᠬᠢᠭᠤᠯᠵᠣ᠂ ᠡᠪᠡᠳᠴᠢᠨ ᠭᠠᠢ ᠭᠠᠮᠰᠢᠭ ᠢᠶᠠᠷ | ᠲᠠᠬᠢᠨ ᠶᠠᠳᠠᠭᠤᠷᠠᠬᠤ ᠶᠢ ᠪᠦᠲᠦᠮᠵᠢᠲᠠᠢ ᠪᠠᠷ ᠰᠡᠷᠭᠡᠶᠢᠯᠡᠨ᠎ᠡ᠃ ᠮᠥᠡᠭᠭᠦᠨ ᠭᠦᠢᠯᠭᠡᠭᠡ ᠪᠠᠷ ᠶᠠᠳᠠᠭᠤ ᠶᠢ ᠲᠡᠳᠭᠦᠭᠦ | ᠬᠠᠪᠰᠣᠷᠣᠮᠵᠢ ᠶᠢᠨ ᠦᠢᠯᠡᠳᠦᠯ ᠢ ᠦᠨᠡᠨᠬᠦ ᠪᠠᠳᠠᠷᠠᠭᠤᠯᠵᠣ᠂ ᠲᠡᠳᠭᠦᠭᠦ ᠬᠦᠷᠢᠶ᠎ᠡ ᠬᠡᠪᠴᠢᠶ᠎ᠡ ᠪᠠᠨ ᠦᠷᠭᠡᠳᠬᠡᠨ᠂ | ᠶᠠᠳᠠᠭᠤ ᠬᠦᠴᠢᠷᠳᠡᠯᠲᠠᠢ ᠳᠤ ᠬᠤᠯᠪᠤᠭᠳᠠᠭᠰᠠᠨ ᠲᠠᠭᠠᠳᠬᠠᠯ ᠤᠨ ᠪᠦᠲᠦᠭᠡᠭᠳᠡᠭᠦᠨ ᠢ ᠰᠦᠪᠡᠭᠴᠢᠯᠡᠵᠤ᠂ ᠶᠠᠳᠠᠭᠤ ᠠᠴᠠ | ᠠᠩᠬᠢᠵᠢᠷᠠᠭᠰᠠᠨ ᠬᠦᠮᠦᠨ ᠠᠮᠠ ᠶᠢᠨ ᠲᠦᠭᠰᠢᠭᠦᠷᠢ ᠶᠢ ᠡᠰᠡᠷᠭᠦᠴᠡᠬᠦ ᠴᠢᠳᠠᠪᠦᠷᠢ ᠶᠢ ᠴᠢᠩᠭᠠᠷᠠᠭᠤᠯᠤᠨ᠎ᠠ᠃ | ︵ᠬᠤᠶᠠᠷ︶ ᠠᠷᠠᠳ ᠤᠨ ᠠᠮᠢᠳᠤᠷᠠᠯ ᠢ ᠦᠨᠡᠨᠬᠦ ᠪᠠᠲᠤᠯᠠᠬᠤ ᠪᠠ ᠰᠠᠶᠢᠵᠢᠷᠠᠭᠤᠯᠤᠨ᠎ᠠ᠃ ᠠᠵᠢᠯ ᠤᠯᠭᠤᠯᠳᠠ ᠠᠳᠠᠯ | ᠦᠢᠯᠡᠰ ᠪᠣᠰᠬᠠᠬᠤ ᠬᠥᠭᠵᠢᠯᠳᠡ ᠶᠢᠨ ᠪᠡᠯᠡ ᠮᠥᠡᠭᠭᠦ ᠶᠢ ᠪᠠᠶᠢᠭᠤᠯᠵᠣ᠂ ᠦᠨᠳᠦᠰᠦᠨ ᠱᠠᠳᠦᠨ ᠤ ᠤᠯᠠᠨ | ᠨᠠᠶᠢᠳᠡ ᠶᠢᠨ ᠠᠵᠢᠯ ᠤᠯᠭᠤᠯᠳᠡ ᠶᠢᠨ ᠦᠢᠯᠡᠴᠢᠯᠡᠭᠡ ᠶᠢ ᠲᠡᠭᠦᠯᠲᠡᠷᠵᠢᠭᠦᠯᠦᠨ᠂ ᠠᠵᠢᠯ ᠣᠯᠭᠤᠯᠳᠡ ᠶᠢᠨ ᠤᠷ᠎ᠠ | ᠴᠢᠳᠠᠪᠣᠷᠢ ᠶᠢᠨ ᠪᠤᠯᠪᠠᠰᠤᠷᠠᠯ ᠢ ᠣᠯᠠᠰᠢᠷᠠᠭᠤᠯᠤᠨ᠎ᠠ᠃ ᠠᠳᠠᠯ ᠦᠢᠯᠡᠰ ᠪᠣᠰᠬᠠᠨ ᠠᠵᠢᠯ ᠣᠯᠭᠤᠬᠤ ᠰᠠᠭᠤᠷᠢᠨ | ᠭᠠᠵᠠᠷ ᠢ ᠲᠡᠰ ᠲᠡᠪᠰᠢᠭᠦᠯᠵᠣ᠂ ᠥᠪᠡᠷᠳᠡᠭᠡᠨ ᠵᠠᠰᠠᠬᠤ ᠣᠷᠣᠨ ᠤ ᠵᠢᠱᠢᠶ᠎ᠡ ᠦᠵᠡᠭᠦᠯᠬᠦ 1 ᠴᠡᠭ ᠂ ᠠᠶᠢᠮᠠᠭ ᠤᠨ | ᠲᠡᠰ ᠤᠨ ᠵᠢᠱᠢᠶ᠎ᠠ ᠦᠵᠡᠭᠦᠯᠬᠦ1 ᠴᠡᠭ ᠢ ᠴᠢᠷᠮᠠᠶᠢᠨ ᠡᠭᠦᠳᠦᠨ᠎ᠡ᠃ ᠪᠦᠬᠦ ᠠᠷᠠᠳ ᠢᠶᠠᠷ ᠢᠶᠠᠨ ᠳᠠᠭᠠᠳᠬᠠᠯ ᠳᠤ | ᠣᠷᠣᠯᠴᠠᠬᠤ ᠪᠦᠷᠢᠳᠬᠡᠯ ᠤᠨ ᠠᠵᠢᠯ ᠢ ᠦᠷᠨᠢᠭᠦᠯᠵᠦ᠂ ᠠᠵᠤ ᠠᠬᠤᠶᠢᠯᠠᠯ ᠤᠨ ᠨᠠᠰᠣᠵᠢᠯ ᠤᠨ ᠲᠠᠭᠠᠳᠬᠠᠯ ᠤᠨ ︽ | ᠲᠠᠪᠤᠨ ᠲᠠᠭᠠᠳᠬᠠᠯ ᠢ ᠨᠢᠭᠡᠳᠬᠡᠬᠦ︾ ᠶᠢ ᠲᠦᠷᠭᠡᠳᠭᠡᠨ ᠠᠬᠢᠭᠤᠯᠵᠣ᠂ ᠠᠵᠤ ᠠᠬᠤᠶᠢᠯᠠᠯ ᠤᠨ ᠠᠮᠠᠷᠠᠯᠳᠡ ᠪᠠᠨ | ᠠᠪᠣᠭᠰᠠᠳ ᠤᠨ ᠨᠠᠰᠣᠵᠢᠯ ᠤᠨ ᠮᠥᠡᠭᠭᠦ ᠶᠢ ᠴᠠᠭ ᠲᠣᠬᠠᠢ ᠳᠤᠨᠢ ᠲᠤᠭ᠎ᠠ ᠶᠣᠰᠣᠭᠠᠷ ᠲᠠᠷᠬᠠᠭᠠᠬᠤ ᠶᠢ ᠦᠨᠡᠨᠬᠦ | ᠪᠠᠲᠤᠯᠠᠨ᠎ᠠ᠃ ᠡᠮ ᠡᠮᠨᠡᠯᠭᠡ ᠶᠢᠨ ᠳᠠᠭᠠᠳᠬᠠᠯ ᠤᠨ ᠦᠭᠡᠷ᠎ᠡ ᠭᠠᠵᠡᠷ ᠲᠤ ᠡᠮᠨᠡᠭᠦᠯᠬᠦ ᠪᠠ ᠲᠠᠰᠤᠯᠤᠨ ᠪᠤᠳᠣᠯᠳᠠ ᠶᠢ | ᠪᠡᠶᠡᠯᠡᠭᠦᠯᠦᠨ᠎ᠡ᠃ ᠨᠠᠶᠢᠬᠡᠮ ᠤᠨ ᠲᠠᠭᠠᠳᠬᠠᠯ ᠤᠨ ︽ᠪᠡᠯᠡ ᠮᠥᠡᠭᠭᠦ ᠪᠠᠲᠤᠯᠠᠭᠠᠨ ᠤ ᠢᠨᠵᠧᠨᠧᠷᠢᠩ︾ ᠤᠨ ᠲᠥᠷᠦᠯ | ᠲᠡᠰ ᠤᠨ ᠲᠣᠣᠷ ᠰᠦᠯᠵᠢᠶᠡᠨ ᠤ ᠪᠦᠲᠦᠭᠡᠨ ᠪᠠᠶᠢᠭᠤᠯᠤᠯᠳᠡ ᠶᠢ ᠠᠬᠢᠭᠤᠯᠵᠤ᠂ ᠬᠦᠮᠦᠨ ᠠᠮᠠ ᠬᠠᠷᠢᠴᠠᠩᠭᠤᠢ ᠪᠠᠷ | ᠲᠥᠪᠯᠡᠷᠡᠭᠰᠡᠨ ᠰᠣᠮᠣ ᠪᠠᠯᠭᠠᠰᠣᠨ ᠳᠤ ︽ᠭᠠᠴᠠᠭ᠎ᠠ ᠲᠣᠰᠬᠤᠨ ᠠᠴᠠ ᠲᠠᠪᠤᠨ ᠦᠯᠦ ᠭᠠᠷᠬᠤ︾ ᠶᠢ ᠡᠩ | ᠲᠡᠷᠢᠭᠦᠨ ᠳᠤ ᠪᠡᠶᠡᠯᠡᠭᠦᠯᠦᠨ᠎ᠡ᠃ ᠡᠯ᠎ᠡ ᠲᠥᠷᠦᠯ ᠤᠨ ᠠᠪᠤᠷᠠᠨ ᠲᠡᠳᠭᠦᠭᠦ ᠠᠪᠤᠷᠠᠨ ᠲᠣᠰᠠᠯᠠᠬᠤ ᠠᠵᠢᠯ ᠢ | ᠦᠷᠭᠦᠯᠵᠢᠯᠡᠨ ᠰᠠᠶᠢᠳᠦᠷ ᠬᠢᠨ᠎ᠡ᠃ ᠪᠤᠯᠪᠠᠰᠤᠨ ᠣᠷᠴᠢᠨ ᠲᠣᠭᠤᠷᠢᠨ ᠤ ᠬᠠᠮᠠᠭᠠᠯᠠᠯᠳᠡ ᠲᠠᠢ ᠣᠷᠣᠰᠢᠭᠤᠯᠭ᠎ᠠ ᠶᠢᠨ | ᠠᠷᠭ᠎ᠠ ᠬᠡᠯᠪᠡᠷᠢ ᠶᠢ ᠰᠠᠨᠠᠭᠠᠴᠢᠯᠠᠵᠤ᠂ 1 ᠰᠠᠤᠷᠢ ᠨᠠᠶᠢᠳᠡ ᠶᠢᠨ ᠠᠰᠠᠷᠠᠮᠵᠢ ᠶᠢᠨ ᠴᠢᠨᠠᠷᠲᠠᠢ ᠤᠡᠭᠭᠤᠨ ᠤ | ᠬᠦᠷᠢᠶᠡᠯᠡᠩ ᠢ ᠲᠥᠯᠦᠪᠵᠢᠭᠦᠯᠦᠨ ᠪᠠᠶᠢᠭᠤᠯᠵᠣ᠂ ᠣᠷᠣᠰᠢᠭᠤᠯᠭ᠎ᠠ ᠶᠢᠨ ᠬᠠᠮᠢᠶᠠᠷᠤᠯᠳᠡ ᠶᠢᠨ ᠦᠢᠯᠡᠴᠢᠯᠡᠭᠡᠨ ᠤ ᠬᠢᠷᠢ | ᠬᠡᠮᠵᠢᠶ᠎ᠡ ᠪᠠᠨ ᠲᠡᠭᠡᠭᠰᠢᠯᠡᠭᠦᠯᠦᠨ᠎ᠡ᠃ ᠨᠠᠷᠠᠨ ᠤ ᠡᠨᠧᠷᠭᠢ ᠪᠠᠷ ᠴᠠᠬᠢᠯᠭᠠᠨ ᠭᠠᠷᠭᠠᠬᠤ ᠪᠠᠷ ᠠᠷᠠᠳ ᠲᠤ ᠬᠠᠷᠠᠭᠠᠯᠵᠠᠯ | ᠦᠵᠡᠭᠦᠯᠬᠦ ᠶᠢ ᠬᠡᠷᠡᠭᠵᠢᠭᠦᠯᠵᠤ᠂ ᠪᠥᠢᠳᠡ ᠪᠥᠭᠯᠡᠭᠦᠦ ᠴᠠᠬᠢᠯᠭᠠᠨ ᠲᠣᠣᠷ ᠦᠭᠡᠢ ᠮᠠᠯᠴᠢᠳ ᠪᠣᠯᠣᠨ ᠬᠢᠯᠢ ᠬᠢᠵᠠᠭᠠᠷ | ᠰᠠᠬᠢᠵᠤ ᠪᠠᠶᠢᠭ᠎ᠠ ᠡᠷᠦᠬᠡ ᠳᠤ500 ᠢᠵᠢ ᠨᠠᠷᠠᠨ ᠤ ᠡᠨᠧᠷᠬᠢ ᠪᠠᠷ ᠴᠠᠬᠢᠯᠭᠠᠨ ᠭᠠᠷᠭᠠᠬᠤ ᠣᠶᠣᠨᠲᠣ ᠴᠠᠬᠢᠯᠭᠠᠨ | ᠦᠷᠳᠡᠭᠡ᠂ ᠲᠣᠣᠷ᠎ᠠ ᠤᠷᠤᠯᠭ᠎ᠠ ᠲᠠᠢ 1330 ᠡᠷᠦᠬᠡ ᠳᠤ ᠨᠠᠷᠠᠨ ᠤ ᠡᠨᠧᠷᠭᠢ ᠶᠢᠨ ᠬᠠᠯᠠᠭᠤᠨ ᠣᠰᠤᠨ ᠤ | ᠲᠥᠬᠦᠭᠡᠷᠦᠮᠵᠢ ᠣᠭᠰᠠᠷᠠᠨ᠎ᠠ᠃ | ︵ᠭᠤᠷᠪᠠ︶ ᠰᠤᠷᠭᠠᠨ ᠬᠦᠮᠦᠵᠢᠯ᠂ ᠪᠡᠶ᠎ᠡ ᠲᠠᠮᠢᠷ᠂ ᠰᠤᠶᠤᠯ᠂ ᠡᠷᠡᠬᠦᠯ ᠬᠠᠮᠠᠭᠠᠯᠠᠯ ᠤᠨ ᠦᠢᠯᠡᠰ ᠢ ᠪᠦᠬᠦ ᠲᠠᠯ᠎ᠠ | ᠪᠠᠷ ᠬᠦᠭᠵᠢᠬᠦᠯᠦᠨ᠎ᠡ᠃ ᠰᠤᠷᠭᠠᠨ ᠬᠦᠮᠦᠵᠢᠯ ᠢ ᠡᠩ ᠲᠡᠷᠢᠬᠦᠨ ᠳᠤ ᠬᠦᠭᠵᠢᠬᠦᠯᠬᠦ ᠶᠢ ᠪᠠᠷᠢᠮᠳᠠᠯᠠᠨ᠎ᠠ᠃ | ᠰᠤᠷᠭᠠᠭᠤᠯᠢ ᠶᠢᠨ ᠬᠦᠷᠢᠶᠡᠨ ᠤ ᠬᠠᠳᠠᠭᠤ ᠵᠦᠬᠡᠯᠡᠨ ᠲᠤᠨᠤᠭ ᠤᠨ ᠪᠠᠶᠢᠭᠤᠯᠤᠯᠳᠠ ᠶᠢ ᠴᠢᠩᠭᠠᠳᠬᠠᠵᠤ᠂ 6 ᠲᠤᠮᠳᠠᠳᠤ | ᠪᠠᠭ᠎ᠠ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠬᠦᠳᠡᠯᠬᠡᠬᠡᠨ ᠤ ᠬᠡᠷ ᠤᠨ ᠪᠠᠶᠢᠭᠤᠯᠤᠯᠳᠠ ᠶᠢ ᠲᠦᠯᠬᠢᠨ ᠠᠬᠢᠭᠤᠯᠵᠤ | ᠂ ᠲᠠᠪᠤᠳᠤᠭᠠᠷ ᠪᠠᠭ᠎ᠠ ᠰᠤᠷᠭᠠᠭᠤᠯᠢ ᠶᠢ ᠰᠢᠯᠵᠢᠬᠦᠯᠦᠨ ᠪᠠᠶᠢᠭᠤᠯᠤᠨ᠎ᠠ᠃ ︽ᠠᠮᠤᠷ ᠲᠦᠪᠰᠢᠨ ᠰᠤᠷᠭᠠᠭᠤᠯᠢ︾ ᠶᠢ | ᠪᠦᠬᠦ ᠲᠠᠯ᠎ᠠ ᠪᠠᠷ ᠪᠦᠳᠦᠬᠡᠨ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠦᠢᠷ᠎ᠡ ᠬᠠᠪᠢ ᠶᠢᠨ ᠤᠷᠴᠢᠨ | ᠲᠤᠭᠤᠷᠢᠨ ᠢ ᠴᠡᠪᠡᠷ ᠪᠤᠯᠭᠠᠨ᠎ᠠ᠃ ᠰᠤᠷᠭᠠᠭᠤᠯᠢ ᠶᠢᠨ ᠵᠠᠬᠢᠷᠤᠯ᠂ ᠪᠠᠭᠰᠢ᠂ ᠰᠤᠳᠤᠯᠭᠠᠨ ᠬᠢᠬᠦ ᠭᠤᠷᠪᠠᠨ ᠡᠩᠨᠡᠬᠡᠨ ᠤ | ᠪᠠᠶᠢᠭᠤᠯᠤᠯᠳᠠ ᠶᠢ ᠴᠢᠩᠭᠠᠳᠬᠠᠵᠤ᠂ ᠦᠨᠳᠦᠰᠦᠨ ᠰᠤᠷᠭᠠᠨ ᠬᠦᠮᠦᠵᠢᠯ ᠤᠨ ᠬᠢᠴᠢᠶᠡᠯᠯᠡᠭᠡ ᠶᠢᠨ ᠦᠬᠡᠷᠡᠴᠢᠯᠡᠯᠳᠡ ᠶᠢ | ᠲᠦᠯᠬᠢᠨ ᠠᠬᠢᠭᠤᠯᠤᠨ᠎ᠠ᠃ ᠰᠤᠷᠭᠠᠨ ᠬᠦᠮᠦᠵᠢᠯ ᠤᠨ ᠨᠡᠬᠡᠬᠡᠯᠳᠡ ᠶᠢ ᠦᠷᠬᠡᠳᠬᠡᠵᠦ᠂ ᠤᠶᠢᠷ᠎ᠠ ᠬᠠᠪᠢ ᠪᠤᠯᠤᠨ | ᠬᠦᠭᠵᠢᠭᠰᠡᠨ ᠭᠠᠵᠠᠷ ᠤᠷᠤᠨ ᠤ ᠰᠢᠯᠢᠳᠡᠭ ᠰᠤᠷᠭᠠᠨ ᠬᠦᠮᠦᠵᠢᠯ ᠤᠨ ᠡᠬᠢ ᠪᠠᠶᠠᠯᠢᠭ ᠤᠨ ᠰᠤᠯᠢᠯᠴᠠᠭᠠᠨ ᠤ | ᠬᠠᠮᠳᠤᠷᠠᠯᠴᠠᠭ᠎ᠠ ᠶᠢ ᠨᠢᠭᠲᠠᠷᠠᠭᠤᠯᠤᠨ᠎ᠠ᠃ ᠪᠦᠬᠦ ᠠᠷᠠᠳ ᠤᠨ ᠪᠡᠶ᠎ᠡ ᠮᠠᠬᠠᠪᠥᠳ ᠤᠨ ᠭᠡᠪ ᠴᠢᠨᠠᠷ ᠢ ᠲᠡᠭᠡᠭᠰᠢᠯᠡᠬᠦᠯᠦᠨ᠎ᠡ | ᠃ ᠪᠦᠬᠦ ᠠᠷᠠᠳ ᠢᠶᠠᠷ ᠢᠶᠠᠨ ᠪᠡᠶ᠎ᠡ ᠴᠢᠬᠢᠷᠠᠭᠵᠢᠭᠤᠯᠬᠤ ᠬᠦᠳᠡᠯᠬᠡᠬᠡᠨ ᠢ ᠦᠷᠬᠡᠨ ᠢᠶᠠᠷ ᠦᠷᠨᠢᠬᠦᠯᠦᠨ᠂ | ᠪᠠᠶᠠᠨᠬᠤᠳᠠ ᠶᠢᠨ ᠪᠡᠶ᠎ᠡ ᠶᠢᠨ ᠲᠠᠮᠢᠷ ᠤᠨ ᠲᠠᠯᠠᠪᠠᠢ ᠶᠢ ᠰᠡᠯᠪᠢᠨ ᠵᠠᠰᠠᠬᠤ᠂ ᠬᠤᠳᠠ ᠶᠢᠨ ᠪᠠᠷᠠᠭᠤᠨ ᠲᠤᠭᠤᠷᠢᠭ ᠤᠨ | ᠬᠦᠯ ᠪᠦᠮᠪᠦᠬᠡᠨ ᠤ ᠤᠷᠳᠤᠨ ᠤ ᠪᠦᠳᠦᠬᠡᠨ ᠪᠠᠶᠢᠭᠤᠯᠤᠯᠳᠠ ᠶᠢᠨ ᠲᠦᠷᠦᠯ ᠵᠦᠢᠯ ᠢ ᠲᠦᠯᠬᠢᠨ ᠠᠬᠢᠭᠤᠯᠵᠤ᠂ 2 | ᠰᠢᠩᠬᠡᠯᠢᠭ ᠬᠡᠯᠪᠡᠷᠢᠳᠠᠢ ᠬᠦᠯ ᠪᠦᠮᠪᠦᠬᠡᠨ ᠤ ᠲᠠᠯᠠᠪᠠᠢ ᠶᠢ ᠤᠭᠰᠠᠷᠠᠨ᠎ᠠ᠃ ᠤᠯᠠᠮᠵᠢᠯᠠᠯᠳᠤ ᠪᠡᠶ᠎ᠡ ᠲᠠᠮᠢᠷ ᠪᠤᠯᠤᠨ | ᠤᠳᠤᠬᠢᠴᠢᠯᠠᠭᠰᠠᠨ ᠪᠡᠶ᠎ᠡ ᠲᠠᠮᠢᠷ ᠢ ᠤᠶᠠᠯᠳᠤᠭᠤᠯᠤᠨ ᠠᠬᠢᠭᠤᠯᠵᠤ᠂ ᠡᠯ᠎ᠡ ᠲᠦᠷᠦᠯ ᠤᠨ ᠤᠷᠤᠯᠳᠤᠭᠠᠨ ᠢ ᠵᠤᠬᠢᠶᠠᠨ | ᠪᠠᠶᠢᠭᠤᠯᠤᠨ᠎ᠠ᠃ ᠰᠤᠶᠤᠯ ᠤᠨ ᠠᠵᠢᠯ ᠦᠢᠯᠡᠰ ᠢ ᠴᠡᠴᠡᠭᠯᠡᠬᠦᠯᠦᠨ ᠬᠦᠭᠵᠢᠬᠦᠯᠦᠨ᠎ᠡ᠃ ᠤᠯᠠᠨ ᠲᠦᠮᠡᠨᠴᠢ ᠴᠢᠨᠠᠷᠳᠠᠢ | ᠰᠤᠶᠤᠯ ᠤᠨ ᠠᠵᠢᠯᠯᠠᠭ᠎ᠠ ᠶᠢ ᠦᠷᠬᠡᠨ ᠢᠶᠠᠷ ᠦᠷᠨᠢᠬᠦᠯᠦᠨ᠂ ᠨᠡᠶᠢᠬᠡᠮ ᠵᠢᠷᠤᠮ ᠤᠨ ᠭᠤᠤᠯᠯᠠᠭᠴᠢ ᠦᠷᠳᠡᠭ ᠤᠨ | ᠦᠵᠡᠯᠳᠡ ᠶᠢ ᠤᠬᠠᠭᠤᠯᠬᠤ᠂ ᠪᠤᠢ ᠪᠣᠯᠭᠠᠵᠣ ᠶᠠᠪᠤᠭᠳᠠᠭᠤᠯᠬᠤ ᠶᠢ ᠴᠢᠩᠭᠠᠳᠬᠠᠨ᠎ᠠ᠃ ᠤᠯᠠᠨ ᠨᠡᠶᠢᠳᠡ ᠶᠢᠨ | ᠰᠤᠶᠤᠯ ᠤᠨ ᠦᠢᠯᠡᠴᠢᠯᠡᠬᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠤᠯᠠᠮ ᠨᠢᠬᠡ ᠠᠯᠬᠤᠮ ᠲᠦᠯᠬᠢᠨ | ᠠᠬᠢᠭᠤᠯᠵᠤ᠂ ︽ᠨᠣᠮ ᠤᠨ ᠰᠠᠩ᠂ ᠣᠯᠠᠨ ᠲᠦᠮᠡᠨᠴᠢ ᠤᠳᠬ᠎ᠠ ᠤᠷᠠᠯᠢᠭ ᠤᠨ ᠣᠷᠳᠣᠨ᠂ ᠰᠤᠶᠣᠯ ᠤᠨ | ᠤᠷᠳᠣᠨ ᠢ ᠨᠢᠭᠡᠳᠬᠡᠬᠦ︾ ᠪᠥᠲᠦᠭᠡᠨ ᠪᠠᠶᠢᠭᠤᠯᠤᠯᠳᠡ ᠶᠢ ᠲᠦᠷᠭᠡᠳᠭᠡᠨ ᠬᠡᠷᠡᠭᠵᠢᠭᠦᠯᠦᠨ᠎ᠡ᠃ ᠦᠨᠳᠦᠰᠦᠳᠡᠨ ᠤ | ᠵᠠᠩ ᠰᠤᠶᠤᠯ ᠢ ᠤᠯᠠᠮᠵᠢᠯᠠᠨ ᠲᠡᠯᠭᠡᠷᠡᠭᠦᠯᠵᠤ᠂ ᠪᠤᠳᠠᠰ ᠤᠨ ᠪᠤᠰᠣ ᠰᠤᠶᠤᠯ ᠤᠨ ᠦᠯᠡᠳᠡᠭᠳᠡᠯ ᠢ ᠲᠡᠯᠬᠡᠨ ᠦᠵᠡᠬᠦᠯᠬᠦ | ᠲᠦᠪ᠂ ᠬᠤᠱᠤᠳ ᠵᠠᠩ ᠦᠢᠯᠡ ᠶᠢᠨ ᠰᠤᠶᠤᠯ ᠤᠨ ᠲᠦᠷᠪᠡᠨ ᠲᠤᠮᠦ ᠲᠢᠩᠬᠢᠮ ᠤᠨ ᠪᠦᠳᠦᠬᠡᠨ ᠪᠠᠶᠢᠭᠤᠯᠤᠯᠳᠠ ᠶᠢ | ᠲᠦᠯᠬᠢᠨ ᠠᠬᠢᠭᠤᠯᠤᠨ᠎ᠠ᠃ ᠲᠡᠤᠬᠡᠨ ᠦᠯᠡᠳᠡᠭᠳᠡᠯ ᠢ ᠬᠠᠮᠠᠭᠠᠯᠠᠬᠤ ᠬᠦᠴᠦᠯᠡᠴᠡ ᠪᠠᠨ ᠴᠢᠩᠭᠠᠳᠬᠠᠵᠤ᠂ | ᠮᠤᠨᠵᠢᠯᠢᠩ ᠤᠨ ᠰᠦᠮ᠎ᠡ᠂ ᠰᠤᠶᠤᠯ ᠢ ᠭᠡᠶᠢᠬᠦᠯᠦᠭᠴᠢ ᠰᠦᠮ᠎ᠡ᠂ ᠳ᠋ᠾᠡᠷᠠ ᠡᠬᠡ ᠶᠢᠨ ᠰᠦᠮ᠎ᠡ ᠶᠢ ᠰᠡᠯᠪᠢᠨ ᠵᠠᠰᠠᠬᠤ | ᠢᠨᠵᠧᠨᠧᠷᠢᠩ ᠢ ᠬᠡᠷᠡᠭᠵᠢᠬᠦᠯᠦᠨ᠎ᠡ᠃ ᠴᠠᠩᠶᠠᠩᠵᠠᠮᠰᠤ ᠶᠢᠨ ᠰᠤᠶᠤᠯ ᠤᠨ ᠰᠤᠳᠤᠯᠭᠠᠨ ᠤ ᠨᠡᠶᠢᠬᠡᠮᠯᠢᠭ ᠪᠤᠯᠤᠨ | ᠠᠭᠸᠠᠩᠳᠠᠨᠳᠠᠷ ᠤᠨ ᠰᠤᠳᠤᠯᠭᠠᠨ ᠤ ᠲᠦᠪ ᠢ ᠪᠠᠶᠢᠭᠤᠯᠤᠨ᠂ ᠲᠡᠤᠭᠡᠨ ᠨᠡᠷᠡᠳᠦ ᠬᠦᠮᠦᠰ ᠢ ᠰᠤᠳᠤᠯᠬᠤ ᠪᠤᠯᠤᠨ ᠭᠤᠤᠯ | ᠰᠡᠳᠦᠪᠳᠦ ᠰᠤᠶᠤᠯ ᠵᠢᠭᠤᠯᠴᠢᠯᠠᠯ ᠤᠨ ᠬᠦᠭᠵᠢᠯᠳᠡ ᠶᠢ ᠲᠦᠯᠬᠢᠨ ᠠᠬᠢᠭᠤᠯᠤᠨ᠎ᠠ᠃ ᠡᠷᠡᠬᠦᠯ ᠬᠠᠮᠠᠭᠠᠯᠠᠯ ᠡᠷᠡᠭᠦᠯ | ᠮᠠᠨᠳᠦ ᠶᠢᠨ ᠠᠵᠢᠯ ᠢ ᠴᠢᠩᠭᠠᠳᠬᠠᠨ᠎ᠠ᠃ ᠡᠮᠴᠢᠯᠡᠬᠡᠨ ᠤ ᠦᠢᠯᠡᠴᠢᠯᠡᠭᠡ ᠪᠤᠯᠤᠨ ᠬᠠᠮᠢᠶᠠᠷᠤᠯᠳᠠ ᠶᠢ ᠴᠢᠩᠭᠠᠳᠬᠠᠨ᠂ | ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠳᠠ ᠶᠢ ᠲᠦᠷᠭᠡᠳᠬᠡᠨ᠎ᠡ᠃ ᠬᠢᠳᠡᠳ | ᠮᠤᠩᠭᠤᠯ ᠡᠮᠨᠡᠯᠬᠡ ᠶᠢᠨ ᠬᠤᠷᠢᠶ᠎ᠠ ᠶᠢ ᠠᠰᠢᠭᠯᠠᠯᠳᠠ ᠳᠤ ᠤᠷᠤᠭᠤᠯᠤᠨ᠂ ᠡᠬᠡ ᠨᠢᠯᠬᠠᠰ ᠤᠨ ᠡᠷᠡᠬᠦᠯ ᠬᠠᠮᠠᠭᠠᠯᠠᠯ ᠤᠨ | ᠬᠤᠷᠢᠶ᠎ᠠ ᠶᠢ ᠰᠢᠨ᠎ᠡ ᠪᠠᠷ ᠪᠠᠶᠢᠭᠤᠯᠤᠨ᠂ ᠵᠢᠷᠠᠳᠠᠢ ᠶᠢᠨ ᠡᠮᠨᠡᠯᠭᠡ ᠶᠢᠨ ᠬᠤᠷᠢᠶ᠎ᠠ ᠶᠢ ᠰᠡᠯᠪᠢᠨ ᠵᠠᠰᠠᠨ᠎ᠠ᠃ ᠮᠤᠩᠭᠤᠯ | ᠬᠢᠳᠡᠳ ᠡᠮ ᠤᠨ ᠦᠢᠯᠡᠰ ᠢ ᠪᠤᠵᠠᠭᠠᠶᠢᠷᠠᠭᠤᠯᠤᠨ ᠬᠦᠭᠵᠢᠬᠦᠯᠵᠦ᠂ ᠬᠢᠳᠡᠳ ᠮᠤᠩᠭᠤᠯ ᠡᠮ ᠤᠨ ᠶᠡᠭᠡ ᠲᠤᠭ᠎ᠠ | ᠪᠠᠷᠢᠮᠳᠠ ᠶᠢᠨ ᠲᠦᠪ ᠢ ᠪᠦᠳᠦᠬᠡᠨ ᠪᠠᠶᠢᠭᠤᠯᠬᠤ ᠲᠦᠯᠦᠪᠵᠢᠬᠦᠯᠬᠡ ᠶᠢ ᠬᠠᠮᠵᠢᠯᠴᠠᠨ ᠰᠠᠶᠢᠳᠤᠷ ᠬᠢᠨ᠎ᠡ᠃ ᠬᠢᠳᠡᠳ | ᠮᠤᠩᠭᠤᠯ ᠡᠮ ᠤᠨ ᠡᠬᠢ ᠪᠠᠶᠠᠯᠢᠭ ᠢ ᠬᠦᠢᠴᠡᠳ ᠠᠭᠤᠳᠠᠯᠯᠠᠨ ᠠᠰᠢᠭᠯᠠᠵᠤ᠂ ᠮᠤᠩᠭᠤᠯ ᠬᠢᠳᠡᠳ ᠡᠮ ᠢ ᠤᠯᠠᠮᠵᠢᠯᠠᠬᠤ | ᠪᠠ ᠮᠡᠷᠬᠡᠵᠢᠯ ᠢ ᠠᠰᠢᠭᠯᠠᠬᠤ ᠶᠢ ᠲᠦᠬᠡᠮᠡᠯᠵᠢᠬᠦᠯᠦᠨ᠎ᠡ᠃ ︽ᠤᠳᠠᠴᠢ ᠶᠢᠨ ᠠᠵᠢᠯᠯᠠᠬᠤ ᠦᠷᠦᠬᠡ︾ ᠶᠢᠨ | ᠲᠤᠷᠰᠢᠯᠳᠠ ᠶᠢᠨ ᠴᠡᠭ ᠢ ᠪᠦᠳᠦᠬᠡᠨ ᠪᠠᠶᠢᠭᠤᠯᠵᠤ᠂ ᠡᠮᠨᠡᠯᠬᠡ ᠶᠢᠨ ᠠᠵᠢᠯᠳᠠᠨ ᠬᠤᠳᠠ ᠬᠦᠳᠡᠭᠡ ᠳᠤ ᠡᠭᠡᠯᠵᠢᠯᠡᠨ | ᠠᠵᠢᠯᠯᠠᠬᠤ ᠲᠤᠭᠳᠠᠴᠠ ᠶᠢ ᠪᠠᠶᠢᠭᠤᠯᠵᠤ᠂ ᠦᠨᠳᠦᠰᠦᠨ ᠱᠠᠳᠤᠨ ᠤ ᠡᠮᠴᠢᠯᠡᠬᠡᠨ ᠤ ᠬᠢᠷᠢ ᠲᠦᠪᠰᠢᠨ ᠢ | ᠲᠡᠭᠡᠭᠰᠢᠯᠡᠬᠦᠯᠦᠨ᠎ᠡ᠃ ᠤᠯᠠᠮᠵᠢᠯᠠᠯᠳᠤ ᠮᠤᠩᠭᠤᠯ ᠡᠮᠨᠡᠯᠬᠡ ᠪᠤᠯᠤᠨ ᠡᠷᠡᠬᠦᠯ ᠢᠶᠠᠷ ᠪᠡᠶ᠎ᠡ ᠪᠠᠨ ᠰᠤᠪᠢᠯᠠᠬᠤ᠂ | ᠵᠢᠭᠤᠯᠴᠢᠯᠠᠯ ᠢ ᠤᠶᠠᠯᠳᠤᠭᠤᠯᠤᠭᠰᠠᠨ ᠠᠵᠤ ᠦᠢᠯᠡᠰ ᠤᠨ ᠲᠤᠭᠳᠠᠯᠴᠠᠭ᠎ᠠ ᠶᠢ ᠬᠠᠶᠢᠨ ᠰᠦᠪᠡᠭᠴᠢᠯᠡᠵᠦ | ᠬᠦᠭᠵᠢᠬᠦᠯᠦᠨ᠂ ︽ᠡᠮᠦᠨ᠎ᠡ — ᠤᠮᠠᠷ᠎ᠠ — ᠲᠦᠪ︾ ᠭᠠᠵᠠᠷ ᠤᠷᠤᠨ ᠤ ᠤᠨᠴᠠᠯᠢᠭᠳᠤ ᠡᠮᠴᠢᠯᠡᠬᠡᠨ ᠤ ᠲᠦᠷᠦᠯ | ᠲᠡᠮᠳᠡᠭ ᠢ ᠪᠠᠶᠢᠭᠤᠯᠤᠨ᠎ᠠ᠃ ︽ᠪᠦᠬᠦ ᠤᠯᠤᠰ ᠤᠨ ᠡᠷᠡᠬᠦᠯ ᠬᠠᠮᠠᠭᠠᠯᠠᠯ ᠤᠨ ᠬᠤᠳᠠ ᠰᠢᠶᠠᠨ︾ ᠤ ᠦᠷ᠎ᠡ ᠪᠦᠳᠦᠮᠵᠢ | ᠶᠢ ᠪᠠᠬᠢᠵᠢᠬᠦᠯᠦᠨ᠂ ᠡᠷᠡᠬᠦᠯ ᠬᠠᠮᠠᠭᠠᠯᠠᠯ ᠤᠨ ᠬᠤᠳᠠ ᠰᠢᠶᠠᠨ ᠤ ᠪᠦᠳᠦᠬᠡᠨ ᠪᠠᠶᠢᠭᠤᠯᠤᠯᠳᠠ ᠶᠢ ᠰᠠᠶᠢᠳᠤᠷ ᠬᠢᠨ᠎ᠡ᠃ | ᠡᠯ᠎ᠡ ᠲᠦᠷᠦᠯ ᠤᠨ ᠲᠦᠯᠦᠪᠯᠡᠭᠡᠳᠦ ᠬᠥᠡᠭᠭᠡᠵᠢᠯ ᠢᠶᠠᠷ ᠠᠷᠠᠳ ᠲᠤ ᠬᠠᠷᠠᠭᠠᠯᠵᠠᠯ ᠦᠵᠡᠬᠦᠯᠬᠦ ᠲᠦᠷᠦ ᠶᠢᠨ ᠪᠤᠳᠤᠯᠭ᠎ᠠ | ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠎ᠠ᠃ | ︵ᠲᠦᠷᠪᠡ︶ ᠤᠮᠠᠷᠠᠳᠤ ᠬᠢᠵᠠᠭᠠᠷ ᠤᠨ ᠠᠮᠤᠷ ᠲᠤᠭᠳᠠᠭᠤᠨ ᠬᠠᠯᠬᠠᠪᠴᠢ ᠶᠢ ᠪᠦᠳᠦᠬᠡᠨ ᠪᠠᠶᠢᠭᠤᠯᠤᠨ᠎ᠠ᠃ ︽ | ᠠᠮᠤᠭᠤᠯᠠᠩ ᠠᠯᠠᠱᠠ ᠵᠡᠬᠦᠨ ᠬᠤᠰᠢᠭᠤ︾ ᠶᠢᠨ ᠪᠦᠳᠦᠬᠡᠨ ᠪᠠᠶᠢᠭᠤᠯᠤᠯᠳᠠ ᠶᠢ ᠲᠦᠯᠬᠢᠨ ᠠᠬᠢᠭᠤᠯᠵᠤ᠂ ︽ᠶᠡᠭᠡ | ᠠᠮᠤᠷ ᠲᠦᠪᠰᠢᠨ︾ ᠤ ᠪᠠᠶᠢᠳᠠᠯ ᠢ ᠪᠠᠶᠢᠭᠤᠯᠤᠨ᠎ᠠ᠃ ᠴᠤᠬᠢᠯᠳᠠ ᠦᠭᠬᠦ ᠬᠠᠮᠢᠶᠠᠷᠬᠤ ᠬᠤᠷᠢᠭᠯᠠᠬᠤ ᠨᠢᠬᠡ | ᠴᠤᠭᠴᠠᠵᠢᠭᠰᠠᠨ ᠪᠦᠳᠦᠬᠡᠨ ᠪᠠᠶᠢᠭᠤᠯᠤᠯᠳᠠ ᠶᠢ ᠬᠦᠨᠵᠡᠬᠡᠶᠢᠷᠡᠬᠦᠯᠦᠨ᠂ ᠪᠠᠴᠢᠮ ᠢ ᠠᠷᠭᠠᠴᠠᠭᠠᠬᠤ ᠵᠢᠯᠤᠭᠤᠳᠬᠤ | ᠬᠠᠷᠠᠭᠠᠨ ᠲᠠᠪᠳᠠᠮᠵᠢ ᠪᠠᠷ ᠡᠵᠡᠮᠰᠢᠬᠦ ᠰᠢᠰᠲ᠋ᠧᠮ ᠤᠨ ᠬᠤᠶᠠᠳᠤᠭᠠᠷ ᠬᠤᠭᠤᠴᠠᠭᠠᠨ ᠤ ᠪᠦᠳᠦᠬᠡᠨ ᠪᠠᠶᠢᠭᠤᠯᠤᠯᠳᠠ ᠶᠢ | ᠡᠬᠢᠯᠡᠬᠦᠯᠵᠦ᠂ ᠡᠯ᠎ᠡ ᠲᠦᠷᠦᠯ ᠤᠨ ᠬᠠᠤᠯᠢ ᠠᠴᠠ ᠵᠦᠷᠢᠴᠡᠭᠰᠡᠨ ᠠᠵᠢᠯᠯᠠᠭ᠎ᠠ ᠳᠤ ᠬᠦᠨᠳᠦ ᠴᠤᠬᠢᠯᠳᠠ ᠦᠭᠬᠦᠨ᠎ᠡ᠃ | ᠬᠦᠳᠡᠯᠮᠦᠷᠢ ᠬᠦᠴᠦ ᠶᠢ ᠬᠢᠨᠠᠨ ᠪᠠᠶᠢᠴᠠᠭᠠᠵᠤ ᠬᠠᠤᠯᠢ ᠬᠡᠷᠡᠭᠵᠢᠬᠦᠯᠬᠦ ᠪᠤᠯᠤᠨ ᠬᠦᠳᠡᠯᠮᠦᠷᠢ ᠬᠦᠴᠦᠨ ᠤ | ᠮᠠᠷᠭᠤᠯᠳᠤᠭᠠᠨ ᠢ ᠲᠠᠰᠣᠯᠠᠨ ᠰᠢᠢᠳᠪᠦᠷᠢᠯᠡᠬᠦ ᠦᠢᠯᠡᠳᠦᠯ ᠴᠢᠳᠠᠪᠬᠢ ᠶᠢ ᠲᠡᠭᠡᠭᠰᠢᠯᠡᠬᠦᠯᠵᠦ᠂ ᠬᠦᠳᠡᠯᠮᠦᠷᠢᠴᠢᠳ ᠤᠨ | ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠨ᠎ᠠ᠃ ︽ᠲᠤᠯᠤᠳᠤᠭᠠᠷ ᠲᠠᠪᠤᠨ ᠵᠢᠯ︾ ᠤᠨ ᠬᠠᠤᠯᠢ ᠲᠦᠬᠡᠮᠡᠯᠵᠢᠬᠦᠯᠬᠦ | ᠶᠢ ᠡᠷᠴᠢᠮᠳᠡᠢ ᠦᠷᠨᠢᠬᠦᠯᠦᠨ᠂ ᠪᠦᠬᠦ ᠠᠷᠠᠳ ᠤᠨ ᠬᠠᠤᠯᠢ ᠲᠦᠷᠢᠮ ᠤᠨ ᠲᠠᠨᠢᠯᠳᠠ ᠶᠢ ᠨᠡᠮᠡᠭᠳᠡᠬᠦᠯᠦᠨ᠎ᠡ᠃ ᠵᠠᠬᠢᠳᠠᠯ | ᠰᠤᠷᠪᠤᠯᠵᠢᠯᠭ᠎ᠠ ᠶᠢᠨ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠦᠨ᠂ ᠡᠯ᠎ᠡ ᠲᠦᠷᠦᠯ ᠤᠨ | ᠵᠦᠷᠢᠴᠡᠯ ᠵᠢᠭᠤᠷᠠᠯᠳᠤᠭᠠᠨ ᠢ ᠰᠠᠨᠠᠭᠠᠴᠢᠯᠠᠭ᠎ᠠ ᠲᠠᠢ ᠪᠠᠷ ᠰᠡᠷᠬᠡᠶᠢᠯᠡᠨ ᠦᠬᠡᠶᠢᠰᠬᠡᠵᠦ᠂ ᠤᠯᠠᠨ ᠲᠦᠮᠡᠨ ᠤ ᠬᠠᠤᠯᠢ | ᠶᠤᠰᠤᠨ ᠤ ᠰᠤᠷᠪᠤᠯᠵᠢᠯᠭ᠎ᠠ ᠳᠤ ᠢᠳᠡᠪᠬᠢᠳᠡᠢ ᠬᠠᠷᠢᠭᠤᠯᠳᠠ ᠦᠭᠭᠦᠨ᠎ᠡ᠃ ᠢᠳᠡᠬᠡᠨ ᠤ ᠵᠦᠢᠯ ᠡᠮ ᠤᠨ ᠵᠦᠢᠯᠡᠰ ᠤᠨ | ᠠᠮᠤᠷ ᠲᠦᠪᠰᠢᠨ ᠲᠦᠷᠢᠮ ᠢ ᠶᠡᠬᠡᠪᠡᠷ ᠬᠡᠷᠡᠭᠵᠢᠬᠦᠯᠦᠨ᠂ ︽ᠲᠦᠷᠪᠡᠨ ᠲᠦᠷᠦᠯ ᠨᠢᠬᠡ ᠮᠠᠰᠢᠨ︾ ᠢᠨᠲ᠋ᠧᠷ | ᠰᠦᠯᠵᠢᠶᠡᠨ ᠤ ᠡᠯᠺᠲ᠋ᠧᠷᠦᠨ ᠬᠢᠨᠠᠨ ᠬᠠᠮᠢᠶᠠᠷᠬᠤ ᠲᠦᠪ ᠪᠤᠯᠤᠨ ᠢᠳᠡᠬᠡᠨ ᠤ ᠵᠦᠢᠯ᠂ ᠡᠮ ᠤᠨ ᠵᠦᠢᠯᠡᠰ ᠤᠨ | ᠲᠦᠷᠬᠡᠨ ᠢᠶᠠᠷ ᠪᠠᠶᠢᠴᠠᠭᠠᠬᠤ ᠲᠦᠪ ᠢ ᠪᠠᠶᠢᠭᠤᠯᠤᠨ᠎ᠠ︔ ᠢᠳᠡᠬᠡᠨ ᠤ ᠵᠦᠢᠯ ᠡᠮ ᠤᠨ ᠵᠦᠢᠯᠡᠰ ᠤᠨ ᠠᠮᠤᠷ | ᠲᠦᠪᠰᠢᠨ ᠤ ᠬᠦᠷᠢᠶ᠎ᠡ ᠴᠡᠷ᠎ᠡ ᠶᠢᠨ ᠲᠤᠪᠤᠶᠢᠮ᠎ᠠ ᠠᠰᠠᠭᠤᠳᠠᠯ ᠢ ᠬᠠᠤᠯᠢ ᠶᠤᠰᠤᠭᠠᠷ ᠴᠡᠭᠴᠡᠯᠡᠵᠦ᠂ ᠤᠯᠠᠨ ᠲᠦᠮᠡᠨ ᠤ | ᠢᠳᠡᠬᠡᠨ ᠤ ᠵᠦᠢᠯ ᠡᠮ ᠤᠨ ᠵᠦᠢᠯᠡᠰ ᠤᠨ ᠠᠮᠤᠷ ᠲᠦᠪᠰᠢᠨ ᠢ ᠪᠠᠳᠤᠯᠠᠨ᠎ᠠ᠃ ᠠᠶᠣᠯᠭᠦᠢ ᠦᠢᠯᠡᠳᠪᠦᠷᠢᠯᠡᠬᠦ ᠰᠠᠭᠤᠷᠢ | ᠪᠦᠳᠦᠬᠡᠨ ᠪᠠᠶᠢᠭᠤᠯᠤᠯᠳᠠ ᠶᠢ ᠴᠢᠩᠭᠠᠳᠬᠠᠨ᠂ ᠬᠠᠮᠤᠭ ᠤᠨ ᠴᠢᠩᠭ᠎ᠠ ᠠᠮᠤᠷ ᠲᠦᠪᠰᠢᠨ ᠦᠢᠯᠡᠳᠪᠦᠷᠢᠯᠡᠬᠦ | ᠬᠠᠮᠢᠶᠠᠷᠤᠯᠳᠠ᠂ ᠬᠢᠨᠠᠨ ᠰᠢᠯᠭᠠᠯᠳᠠ ᠪᠤᠯᠤᠨ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠬᠦᠯᠦᠨ᠂ | ᠪᠠᠶᠢᠩᠭᠤ ᠶᠢᠨ ᠴᠢᠨᠠᠷᠳᠠᠢ᠂ ᠨᠠᠷᠢᠯᠢᠭ ᠬᠠᠮᠢᠶᠠᠷᠤᠯᠳᠠ ᠶᠢ ᠲᠦᠯᠬᠢᠨ ᠠᠬᠢᠭᠤᠯᠤᠨ᠎ᠠ︔ ᠠᠶᠣᠯᠭᠦᠢ | ᠦᠢᠯᠡᠳᠪᠦᠷᠢᠯᠡᠯ ᠤᠨ ᠬᠠᠤᠯᠢ ᠬᠡᠷᠡᠭᠵᠢᠬᠦᠯᠬᠦ ᠪᠤᠯᠤᠨ ᠠᠷᠬᠠᠭ ᠭᠡᠮ ᠢ ᠪᠠᠶᠢᠴᠠᠭᠠᠨ ᠢᠯᠡᠷᠡᠬᠦᠯᠬᠦ ᠶᠢ ᠴᠢᠩᠭᠠᠳᠬᠠᠵᠤ᠂ | ᠨᠡᠬᠦᠷᠡᠰᠦᠨ ᠠᠭᠤᠷᠬᠠᠢ᠂ ᠨᠡᠬᠦᠷᠡᠰᠤ ᠪᠤᠰᠤ ᠠᠭᠤᠷᠬᠠᠢ ᠶᠢᠨ ᠠᠭᠤᠯᠠ᠂ ᠵᠠᠮ ᠬᠠᠷᠢᠯᠴᠠᠭ᠎ᠠ᠂ ᠬᠦᠮᠦᠨ ᠤᠯᠠᠨᠳᠠᠢ | ᠭᠠᠵᠠᠷ ᠵᠡᠷᠬᠡ ᠭᠤᠤᠯᠳᠠᠯᠭ᠎ᠠ ᠲᠠᠢ ᠲᠦᠷᠦᠯ ᠵᠦᠢᠯ ᠪᠤᠯᠤᠨ ᠬᠦᠷᠢᠶ᠎ᠡ ᠴᠡᠷ᠎ᠡ ᠶᠢᠨ ᠠᠮᠤᠷ ᠲᠦᠪᠰᠢᠨ ᠤ ᠬᠢᠨᠠᠨ | ᠬᠠᠮᠢᠶᠠᠷᠤᠯᠳᠠ ᠶᠢ ᠴᠢᠩᠭᠠᠳᠬᠠᠨ᠂ ᠲᠤᠮᠤ ᠭᠡᠨᠳᠡᠯ ᠭᠠᠷᠬᠤ ᠶᠢ ᠡᠷᠡᠰ ᠬᠤᠷᠢᠭᠯᠠᠨ᠂ ᠠᠮᠤᠷ ᠲᠦᠪᠰᠢᠨ | ᠬᠦᠭᠵᠢᠯᠳᠡ ᠶᠢᠨ ᠤᠷᠴᠢᠨ ᠢ ᠪᠦᠳᠦᠬᠡᠨ ᠪᠠᠶᠢᠭᠤᠯᠤᠨ᠎ᠠ᠃ ᠪᠠᠴᠢᠮ ᠢ ᠠᠷᠭᠠᠴᠠᠭᠠᠬᠤ ᠰᠢᠰᠲ᠋ᠧᠮ ᠤᠨ ᠪᠦᠳᠦᠬᠡᠨ | ᠪᠠᠶᠢᠭᠤᠯᠤᠯᠳᠠ ᠪᠤᠯᠤᠨ ᠬᠠᠮᠢᠶᠠᠷᠤᠯᠳᠠ ᠶᠢ ᠤᠯᠠᠮ ᠨᠢᠬᠡ ᠠᠯᠬᠤᠮ ᠴᠢᠩᠭᠠᠳᠬᠠᠵᠤ᠂ ᠪᠠᠴᠢᠮ ᠡᠬᠦᠰᠬᠦ ᠬᠡᠷᠡᠭ ᠢ | ᠰᠡᠷᠬᠡᠶᠢᠯᠡᠬᠦ ᠪᠤᠯᠤᠨ ᠰᠢᠢᠳᠪᠦᠷᠢᠯᠡᠬᠦ ᠴᠢᠳᠠᠪᠤᠷᠢ ᠶᠢ ᠲᠡᠭᠡᠭᠰᠢᠯᠡᠬᠦᠯᠦᠨ᠎ᠡ᠃ ᠪᠦᠬᠦ ᠤᠯᠤᠰ ᠤᠨ ᠦᠨᠳᠦᠰᠦᠳᠡᠨ ᠤ | ᠪᠦᠯᠬᠦᠮᠳᠡᠯ ᠲᠠᠪᠰᠢᠯᠳᠠ ᠶᠢᠨ ᠬᠤᠰᠢᠭᠤ ᠶᠢ ᠪᠦᠳᠦᠬᠡᠨ ᠪᠠᠶᠢᠭᠤᠯᠬᠤ ᠠᠵᠢᠯ ᠢ ᠢᠳᠡᠪᠬᠢᠳᠡᠢ ᠦᠷᠨᠢᠬᠦᠯᠦᠨ᠂ | ᠦᠨᠳᠦᠰᠦᠳᠡᠨ ᠤ ᠪᠦᠯᠬᠦᠮᠳᠡᠯ ᠢ ᠪᠠᠬᠢᠵᠢᠬᠦᠯᠬᠦ ᠰᠠᠶᠢᠨ ᠪᠠᠶᠢᠳᠠᠯ ᠢ ᠪᠠᠬᠢᠵᠢᠬᠦᠯᠦᠨ᠎ᠡ᠃ ᠱᠠᠰᠢᠨ ᠰᠤᠷᠳᠠᠬᠤᠨ ᠤ ᠬᠡᠷᠡᠭ | ᠶᠠᠪᠤᠳᠠᠯ᠂ ᠬᠤᠶᠠᠷ ᠢ ᠬᠦᠷᠢᠶᠡᠯᠡᠨ ᠬᠠᠮᠳᠤᠪᠠᠷ ᠪᠠᠶᠢᠭᠤᠯᠬᠤ᠂ ᠡᠮᠡᠭᠳᠡᠶᠢᠴᠤᠳ ᠬᠡᠤᠭᠡᠳ ᠪᠠᠭᠠᠴᠤᠳ ᠪᠤᠯᠤᠨ | ᠵᠡᠮᠳᠡᠭᠴᠤᠳ ᠤᠨ ᠠᠵᠢᠯ ᠢ ᠦᠷᠬᠦᠯᠵᠢᠯᠡᠨ ᠰᠠᠶᠢᠳᠤᠷ ᠬᠢᠨ᠎ᠡ᠃ | ᠳᠤᠯᠤᠭ᠎ᠠ᠂ ᠦᠪᠡᠷ ᠪᠡᠶ᠎ᠡ ᠶᠢᠨ ᠪᠠᠶᠢᠭᠤᠯᠤᠯᠳᠠ ᠪᠠᠨ ᠬᠦᠴᠦ ᠳᠠᠯᠪᠢᠨ ᠴᠢᠩᠭᠠᠷᠠᠭᠤᠯᠵᠤ᠂ ᠠᠷᠠᠳ ᠳᠦᠮᠡᠨ ᠤ | ᠰᠡᠳᠬᠢᠯ ᠳᠤ ᠬᠠᠨᠤᠮᠵᠢᠳᠠᠢ ᠵᠠᠰᠠᠭ ᠤᠨ ᠤᠷᠳᠤᠨ ᠢ ᠪᠤᠢ ᠪᠤᠯᠭᠠᠨ᠎ᠠ | ᠠᠷᠠᠳ ᠳᠦᠮᠡᠨ ᠤ ᠰᠢᠨ᠎ᠡ ᠬᠦᠰᠡᠯᠳᠡ ᠶᠢ ᠰᠠᠨᠠᠭᠠᠴᠢᠯᠠᠵᠤ᠂ ᠬᠠᠣᠯᠢ ᠪᠠᠷ ᠬᠤᠰᠢᠭᠤ ᠪᠠᠨ ᠵᠠᠰᠠᠬᠤ ᠦᠵᠡᠯᠳᠡ | ᠪᠠᠨ ᠪᠠᠲᠤᠳᠬᠠᠵᠤ᠂ ᠰᠤᠷᠳᠠᠯ ᠢᠶᠠᠨ ᠦᠬᠡᠷᠡᠴᠢᠯᠡᠨ᠂ ᠴᠢᠳᠠᠪᠬᠢ ᠪᠠᠨ ᠳᠡᠬᠡᠭᠰᠢᠯᠡᠬᠦᠯᠵᠤ᠂ ᠡᠬᠦᠷᠬᠡ ᠪᠠᠨ | ᠬᠤᠪᠢᠷᠠᠭᠤᠯᠬᠤ ᠪᠠᠨ ᠳᠦᠷᠬᠡᠳᠬᠡᠵᠤ᠂ ᠵᠠᠰᠠᠭ ᠤᠨ ᠤᠷᠳᠤᠨ ᠤ ᠦᠪᠡᠷ ᠪᠡᠶ᠎ᠡ ᠶᠢᠨ ᠪᠡᠶᠢᠭᠤᠯᠤᠯᠳᠠ ᠪᠠᠨ ᠦᠨᠡᠨᠬᠦ | ᠴᠢᠩᠭᠠᠳᠬᠠᠵᠤ᠂ ᠠᠷᠢᠭᠤᠨ ᠴᠢᠬᠡᠴᠢ᠂ ᠪᠤᠳᠠᠳᠠᠢ ᠦᠨᠳᠦᠷ ᠪᠦᠳᠦᠮᠵᠢᠳᠤ ᠵᠠᠰᠠᠭ ᠤᠨ ᠤᠷᠳᠤᠨ ᠢ ᠴᠢᠷᠮᠠᠶᠢᠨ | ᠪᠠᠶᠢᠭᠤᠯᠤᠨ᠎ᠠ᠃ | ︵ᠨᠢᠬᠡ︶ ᠬᠠᠤᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠬᠠᠤᠯᠢ ᠪᠠᠷ ᠵᠠᠰᠠᠬᠤ ᠰᠡᠳᠬᠢᠴᠡ ᠪᠠ | ᠬᠠᠤᠯᠢ ᠪᠠᠷ ᠵᠠᠰᠠᠬᠤ ᠬᠡᠯᠪᠡᠷᠢ ᠶᠢ ᠬᠡᠷᠡᠭᠯᠡᠨ᠂ ᠵᠠᠰᠠᠭ ᠤᠨ ᠤᠷᠳᠤᠨ ᠤ ᠪᠠᠶᠢᠭᠤᠯᠤᠮᠵᠢ᠂ ᠡᠭᠦᠷᠭᠡ ᠴᠢᠳᠠᠪᠬᠢ᠂ | ᠡᠷᠬᠡ ᠶᠢᠨ ᠬᠢᠵᠠᠭᠠᠷᠯᠠᠯ᠂ ᠡᠮᠬᠢ ᠳᠠᠷᠠᠭᠠᠯᠠᠯ᠂ ᠬᠠᠷᠢᠭᠤᠴᠠᠯᠭ᠎ᠠ ᠶᠢᠨ ᠬᠠᠤᠯᠢ ᠳᠦᠷᠢᠮᠵᠢᠯᠳᠡ ᠶᠢ ᠠᠬᠢᠭᠤᠯᠵᠤ᠂ ᠡᠷᠬᠡ | ᠡᠬᠦᠷᠬᠡ ᠨᠢ ᠨᠢᠬᠡᠳᠦᠯᠳᠡᠢ᠂ ᠡᠷᠬᠡ ᠬᠦᠨᠳᠤᠳᠡᠢ ᠦᠨᠳᠦᠷ ᠪᠦᠳᠦᠮᠵᠢᠳᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ | ᠳᠤᠭᠳᠠᠯᠴᠠᠭ᠎ᠠ ᠶᠢ ᠠᠬᠢᠭᠤᠯᠤᠨ᠎ᠠ᠃ ᠰᠢᠢᠳᠪᠦᠷᠢᠳᠤ ᠪᠤᠳᠤᠯᠭ᠎ᠠ ᠲᠣᠭᠳᠠᠭᠠᠬᠤ ᠡᠮᠬᠢ ᠳᠠᠷᠠᠭᠠᠯᠠᠯ ᠢ ᠡᠷᠡᠰ ᠴᠢᠩᠭ᠎ᠠ | ᠬᠡᠷᠡᠭᠵᠢᠬᠦᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢ ᠶᠢᠨ ᠬᠠᠤᠯᠢ ᠳᠤ ᠨᠡᠶᠢᠴᠡᠬᠦ ᠴᠢᠨᠠᠷ ᠢ ᠬᠢᠨᠠᠨ | ᠪᠠᠶᠢᠴᠠᠭᠠᠬᠤ ᠳᠤᠭᠳᠠᠴᠠ ᠶᠢ ᠳᠡᠬᠦᠯᠳᠡᠷᠵᠢᠬᠦᠯᠦᠨ᠂ ᠬᠠᠤᠯᠢ ᠶᠤᠰᠤᠭᠠᠷ ᠰᠢᠢᠳᠪᠦᠷᠢ ᠭᠠᠷᠭᠠᠬᠤ ᠬᠢᠷᠢ ᠳᠦᠪᠰᠢᠨ | ᠢᠶᠠᠨ ᠳᠡᠬᠡᠭᠰᠢᠯᠡᠬᠦᠯᠦᠨ᠎ᠡ᠃ ᠴᠢᠬᠤᠯᠠ ᠶᠡᠭᠡ ᠰᠢᠢᠳᠪᠦᠷᠢ ᠶᠢ ᠨᠠᠰᠤᠨ ᠳᠤᠷᠰᠢᠳᠠ ᠶᠢᠨ ᠬᠠᠷᠢᠭᠤᠴᠠᠯᠭ᠎ᠠ | ᠨᠡᠬᠡᠮᠵᠢᠯᠡᠬᠦ ᠳᠦᠷᠢᠮ ᠵᠢᠴᠢ ᠬᠠᠷᠢᠭᠤᠴᠠᠯᠭ᠎ᠠ ᠶᠢ ᠬᠡᠳᠡᠷᠬᠦ ᠪᠠᠶᠢᠴᠠᠭᠠᠬᠤ ᠳᠤᠭᠳᠠᠯᠴᠠᠭ᠎ᠠ ᠶᠢ ᠨᠠᠶᠢᠳᠠᠪᠤᠷᠢᠵᠢᠭᠤᠯᠤᠨ᠎ᠠ | ᠃ ᠬᠠᠤᠯᠢ ᠵᠦᠪᠯᠡᠭᠴᠢ ᠶᠢᠨ ᠳᠦᠷᠢᠮ ᠢ ᠨᠡᠶᠢᠳᠡᠮ ᠪᠤᠢ ᠪᠤᠯᠭᠠᠵᠤ᠂ ᠬᠠᠤᠯᠢ ᠶᠢᠨ ᠵᠦᠪᠯᠡᠭᠴᠢ ᠶᠢᠨ ᠦᠢᠯᠡᠳᠦᠯ ᠢ | ᠬᠦᠢᠴᠡᠳ ᠪᠠᠳᠠᠷᠠᠭᠤᠯᠤᠨ᠎ᠠ᠃ ᠴᠢᠬᠤᠯᠠ ᠶᠡᠭᠡ ᠬᠡᠷᠡᠭ ᠤᠴᠢᠷ ᠲᠤ ᠭᠤᠶᠤᠴᠢᠯᠠᠯᠳᠠ ᠮᠡᠳᠡᠬᠦᠯᠦᠯᠳᠡ ᠶᠢᠨ ᠳᠦᠷᠢᠮ ᠢ | ᠪᠠᠷᠢᠮᠳᠠᠯᠠᠵᠤ᠂ ᠬᠤᠰᠢᠭᠤᠨ ᠤ ᠠᠷᠠᠳ ᠤᠨ ᠳᠦᠯᠦᠬᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ | ᠤ ᠰᠢᠢᠳᠪᠦᠷᠢ ᠶᠢ ᠬᠢᠨᠠᠮᠠᠭᠠᠢ ᠬᠡᠷᠡᠭᠵᠢᠬᠦᠯᠵᠤ᠂ ᠠᠷᠠᠳ ᠤᠨ ᠳᠦᠯᠦᠬᠡᠯᠡᠭᠴᠢᠳ ᠤᠨ ᠰᠠᠨᠠᠯ᠂ ᠵᠦᠪᠯᠡᠯᠬᠡ ᠵᠢᠴᠢ | ᠤᠯᠤᠰ ᠳᠦᠷᠦ ᠶᠢᠨ ᠵᠦᠪᠯᠡᠯᠬᠡᠨ ᠤ ᠬᠡᠰᠢᠬᠦᠳ ᠤᠨ ᠳᠤᠷᠠᠳᠤᠯᠭ᠎ᠠ ᠶᠢ ᠦᠨᠡᠨᠬᠦ ᠰᠠᠶᠢᠳᠤᠷ ᠰᠢᠢᠳᠪᠦᠷᠢᠯᠠᠨᠡ᠃ | ᠵᠠᠰᠠᠭ ᠵᠠᠬᠢᠷᠭᠠᠨ ᠤ ᠰᠢᠢᠳᠪᠦᠷᠢ ᠶᠢᠨ ᠢᠯᠡ ᠳᠤᠳᠤ᠂ ᠬᠡᠷᠡᠭᠵᠢᠬᠦᠯᠦᠯᠳᠡ ᠶᠢᠨ ᠢᠯᠡ ᠳᠤᠳᠤ᠂ ᠬᠠᠮᠢᠶᠠᠷᠤᠯᠳᠠ | ᠶᠢᠨ ᠢᠯᠡ ᠳᠤᠳᠤ᠂ ᠦᠢᠯᠡᠴᠢᠯᠡᠬᠡᠨ ᠤ ᠢᠯᠡ ᠳᠤᠳᠤ ᠪᠠ ᠦᠷ᠎ᠡ ᠳ᠋ᠦᠩ ᠤᠨ ᠢᠯᠡ ᠳᠤᠳᠤ ᠪᠠᠶᠢᠬᠤ ᠶᠢ | ᠬᠦᠨᠵᠡᠬᠡᠢ ᠦᠷᠨᠢᠬᠦᠯᠵᠤ᠂ ᠵᠠᠰᠠᠭ ᠤᠨ ᠤᠷᠳᠤᠨ ᠤ ᠠᠵᠢᠯ ᠤᠨ ᠢᠯᠡ ᠳᠤᠳᠤ ᠬᠡᠮᠵᠢᠶ᠎ᠡ ᠶᠢ ᠳᠡᠬᠡᠭᠰᠢᠯᠡᠬᠦᠯᠦᠨ᠎ᠡ᠃ | | ︵ᠬᠤᠶᠠᠷ︶ ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ᠳᠦᠷᠦ ᠶᠢᠨ ᠪᠤᠳᠤᠯᠭ᠎ᠠ ᠶᠢᠨ | ᠰᠤᠳᠤᠯᠭ᠎ᠠ ᠶᠢ ᠰᠠᠶᠢᠳᠤᠷ ᠠᠳᠬᠤᠵᠤ᠂ ᠬᠤᠷᠸ᠎ᠠ ᠠᠵᠤ ᠠᠬᠤᠢ ᠶᠢᠨ ᠬᠠᠨᠳᠤᠰᠢ ᠶᠢ ᠡᠵᠡᠮᠳᠡᠬᠦ ᠪᠠ ᠠᠵᠤ ᠠᠬᠤᠢ | ᠶᠢᠨ ᠡᠷᠬᠢᠯᠳᠡ ᠶᠢ ᠰᠤᠳᠤᠯᠤᠨ ᠮᠠᠭᠠᠳᠯᠠᠬᠤ ᠴᠢᠳᠠᠪᠤᠷᠢ ᠪᠠᠨ ᠴᠢᠩᠭᠠᠳᠬᠠᠨ᠎ᠠ᠃ ︽ᠭᠠᠳᠠᠰᠤ ᠰᠢᠭᠠᠬᠤ︾ ᠵᠤᠷᠢᠭ | ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠶᠠᠪᠤᠳᠠᠯ ᠤᠨ ᠱᠠᠭᠠᠷᠳᠠᠨ ᠪᠠᠶᠢᠴᠠᠭᠠᠬᠤ ᠪᠠᠨ ᠴᠢᠩᠭᠠᠳᠬᠠᠨ᠂ ᠡᠯ᠎ᠡ | ᠳᠦᠷᠦᠯ ᠣᠨᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠎ᠠ᠃ | ᠠᠵᠢᠯ ᠤᠨ ᠰᠤᠷᠳᠠᠯ ᠤᠨ ᠪᠠᠶᠢᠭᠤᠯᠤᠯᠳᠠ ᠪᠠᠨ ᠦᠨᠡᠨᠬᠦ ᠴᠢᠩᠭᠠᠳᠬᠠᠨ᠂ ᠠᠵᠢᠯ ᠬᠢᠬᠦ ᠦᠬᠡᠢ᠂ ᠰᠤᠨᠵᠢᠷᠠᠭᠤᠯᠵᠤ | ᠬᠢᠬᠦ᠂ ᠳᠤᠷ᠎ᠠ ᠳᠠᠪᠠ ᠪᠠᠷ ᠬᠢᠬᠦ ᠠᠵᠢᠯᠯᠠᠭ᠎ᠠ ᠶᠢ ᠡᠷᠡᠰ ᠵᠠᠯᠠᠷᠠᠭᠤᠯᠵᠤ᠂ ᠳᠤᠷᠤᠢ ᠵᠠᠰᠠᠭ᠂ ᠬᠤᠶᠢᠷᠭᠤ ᠵᠠᠰᠠᠭ᠂ | ᠬᠠᠶᠢᠩᠭᠤ ᠵᠠᠰᠠᠭ ᠤᠨ ᠪᠠᠶᠢᠳᠠᠯ ᠢ ᠡᠷᠡᠰ ᠳᠡᠪᠴᠢᠨ᠎ᠡ᠃ ᠤᠷᠮᠠᠰᠢᠭᠤᠯᠬᠤ ᠳᠤᠭᠳᠠᠴᠠ ᠪᠠ ᠪᠤᠷᠤᠭᠤ ᠶᠢ | ᠠᠭᠤᠴᠢᠯᠠᠨ ᠵᠠᠯᠠᠷᠠᠭᠤᠯᠬᠤ ᠳᠤᠭᠳᠠᠴᠠ ᠶᠢ ᠬᠡᠷᠡᠭᠵᠢᠬᠦᠯᠵᠤ᠂ ᠦᠷᠬᠡᠨ ᠤᠯᠠᠨ ᠺᠠᠳ᠋ᠷ ᠤᠨ ᠳᠤᠷᠠᠳᠠᠢ ᠠᠵᠢᠯᠯᠠᠬᠤ᠂ | ᠵᠤᠷᠢᠭ ᠲᠠᠢ ᠠᠵᠢᠯᠯᠠᠬᠤ᠂ ᠠᠵᠢᠯ ᠪᠦᠳᠦᠬᠡᠬᠦ ᠶᠢ ᠵᠤᠷᠢᠭᠵᠢᠭᠤᠯᠤᠨ᠎ᠠ᠃ | ︵ᠭᠤᠷᠪᠠ︶ ᠠᠷᠢᠭᠤᠨ ᠴᠢᠬᠡᠴᠢ ᠪᠠᠷ ᠵᠠᠰᠠᠭ ᠶᠠᠪᠤᠭᠤᠯᠬᠤ ᠶᠢ ᠪᠠᠷᠢᠮᠳᠠᠯᠠᠨ᠎ᠠ᠃ ︽ᠬᠤᠶᠠᠷ ᠲᠦᠷᠢᠮ᠂ ᠳᠦᠷᠪᠡᠨ | ᠳᠤᠭᠳᠠᠭᠠᠯ︾ ᠢ ᠬᠦᠨᠵᠡᠬᠡᠢ ᠳᠤᠤᠱᠯᠠᠭᠤᠯᠵᠤ᠂ ︽ᠳᠦᠷᠪᠡᠨ ᠤᠬᠠᠮᠰᠠᠷ︾᠂ ᠤᠨᠴᠠᠭᠠᠶᠢᠯᠠᠨ ᠭᠤᠣᠯᠯᠠᠭᠴᠢ | ᠤᠬᠠᠮᠰᠠᠷ᠂ ᠨᠢᠭᠡᠳᠦᠯᠲᠠᠢ ᠪᠠᠶᠢᠬᠤ ᠤᠬᠠᠮᠰᠠᠷ ᠢ ᠦᠨᠡᠨᠬᠦ ᠨᠡᠮᠡᠭᠳᠡᠬᠦᠯᠵᠤ᠂ ᠨᠠᠮ ᠤᠨ ᠳᠤᠳᠤᠷᠠᠬᠢ ᠵᠠᠰᠠᠭ ᠤᠨ | ᠠᠮᠢᠳᠤᠷᠠᠯ ᠢ ᠴᠢᠩᠭᠠᠳᠬᠠᠬᠤ ᠪᠠ ᠳᠦᠷᠢᠮᠵᠢᠬᠦᠯᠦᠨ᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠬᠠᠷᠢᠭᠤᠴᠠᠯᠭ᠎ᠠ | ᠶᠢ ᠨᠠᠶᠢᠳᠠᠪᠤᠷᠢᠵᠢᠭᠤᠯᠤᠨ᠎ᠠ᠃ ᠨᠠᠮ ᠤᠨ ᠤᠯᠠᠨ ᠳᠦᠮᠡᠨᠴᠢ ᠱᠤᠭᠤᠮ ᠤᠨ ᠬᠦᠮᠦᠵᠢᠯ ᠦᠢᠯᠡᠳᠦᠯᠬᠡ ᠶᠢᠨ | ᠠᠵᠢᠯᠯᠠᠭᠠᠨ ᠤ ᠦᠷ᠎ᠡ ᠪᠦᠳᠦᠬᠡᠯ ᠢ ᠪᠠᠳᠤᠳᠬᠠᠨ᠂ ︽ᠬᠤᠶᠠᠷ ᠢ ᠰᠤᠷᠤᠯᠴᠠᠨ᠂ ᠬᠢᠷᠢ ᠳᠡᠩᠴᠡᠭᠰᠡᠨ ᠨᠠᠮ ᠤᠨ | ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠢ ᠬᠦᠨᠵᠡᠬᠡᠶᠢᠷᠡᠬᠦᠯᠵᠤ᠂ ︽ᠳᠦᠷᠪᠡᠨ ᠰᠤᠷᠳᠠᠯ︾ ᠤᠨ | ᠰᠡᠷᠬᠦᠯᠳᠡ ᠶᠢ ᠰᠡᠷᠬᠡᠶᠢᠯᠡᠨ᠎ᠡ᠃ ᠢᠯᠵᠢᠷᠡᠯ ᠢ ᠵᠠᠯᠬᠠᠭᠠᠬᠤ ᠪᠠ ᠰᠡᠷᠬᠡᠶᠢᠯᠡᠬᠦ ᠳᠤᠭᠳᠠᠯᠴᠠᠭᠠᠨ ᠤ ᠪᠠᠶᠢᠭᠤᠯᠤᠯᠳᠠ ᠶᠢ | ᠴᠢᠩᠭᠠᠳᠬᠠᠵᠤ᠂ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠶᠢᠨ ᠬᠠᠷᠢᠭᠤᠴᠠᠯᠭ᠎ᠠ ᠶᠢᠨ ᠨᠠᠷᠢᠨ | ᠲᠠᠩᠰᠠ ᠪᠠ ᠮᠠᠭᠤ ᠨᠦᠯᠦᠬᠡᠨ ᠤ ᠨᠠᠷᠢᠨ ᠲᠠᠩᠰᠠ ᠶᠢ ᠪᠦᠬᠦ ᠳᠠᠯ᠎ᠠ ᠪᠠᠷ ᠳᠤᠤᠱᠯᠠᠭᠤᠯᠤᠨ᠎ᠠ᠃ ᠴᠢᠬᠡᠴᠢ ᠵᠠᠰᠠᠭ ᠤᠨ | ᠳᠦᠭᠰᠢᠬᠦᠷᠢ ᠶᠢᠨ ᠰᠡᠷᠬᠡᠶᠢᠯᠡᠯᠳᠡ ᠶᠢᠨ ᠳᠤᠭᠳᠠᠯᠴᠠᠭ᠎ᠠ ᠶᠢ ᠪᠦᠷᠢᠨᠰᠢᠬᠦᠯᠵᠤ᠂ ᠵᠠᠰᠠᠭ ᠵᠠᠬᠢᠷᠭᠠᠨ ᠤ ᠬᠢᠨᠠᠯᠳᠠ | ᠪᠠᠶᠢᠴᠠᠭᠠᠯᠳᠠ᠂ ᠬᠢᠨᠠᠨ ᠪᠤᠳᠤᠵᠤ ᠬᠢᠨᠠᠯᠳᠠ ᠳᠠᠯᠪᠢᠬᠤ ᠪᠠ ᠨᠡᠶᠢᠬᠡᠮ ᠤᠨ ᠬᠢᠨᠠᠯᠳᠠ ᠶᠢ ᠴᠢᠩᠭᠠᠳᠬᠠᠨ᠂ ᠡᠷᠬᠡ ᠶᠢ | ᠢᠯᠡ ᠪᠠᠷ ᠬᠡᠷᠡᠭᠵᠢᠬᠦᠯᠦᠨ᠎ᠡ᠃ | ᠳᠦᠯᠦᠬᠡᠯᠡᠭᠴᠢᠳ ᠡ᠂ ᠨᠦᠬᠦᠳ ᠡ᠂ ᠢᠷᠡᠬᠡᠳᠦᠢ ᠪᠠᠨ ᠵᠢᠷᠤᠭᠯᠠᠨ ᠲᠦᠰᠦᠪᠯᠡᠪᠡᠰᠦ ᠪᠡᠷᠬᠡ ᠪᠠᠷᠳᠠᠭ᠎ᠠ ᠶᠢ | ᠲᠤᠭᠤᠯᠤᠨ ᠲᠠᠪᠠᠵᠤ᠂ ᠡᠭᠦᠷᠭᠡ ᠬᠦᠨᠳᠦ ᠵᠠᠮ ᠬᠤᠯᠠ ᠪᠠᠶᠢᠪᠠᠰᠦ ᠴᠢᠷᠮᠠᠶᠢᠨ ᠤᠷᠤᠭᠰᠢᠯᠠᠬᠤ ᠴᠢᠬᠤᠯᠠᠳᠠᠢ᠃ ᠪᠢᠳᠡ | ᠰᠢ ᠶᠢᠨ ᠫᠢᠩ ᠨᠦᠬᠦᠷ ᠢᠶᠠᠷ ᠭᠤᠣᠯ ᠪᠤᠯᠭᠠᠭᠰᠠᠨ ᠨᠠᠮ ᠤᠨ ᠳᠦᠪ ᠬᠤᠷᠢᠶᠠᠨ ᠤ ᠳᠤᠭᠤᠷᠢᠨ ᠳᠤ ᠨᠢᠭᠳᠠᠷᠠᠨ | ᠪᠦᠯᠬᠦᠮᠳᠡᠵᠤ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ | ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠬᠦᠳ ᠤᠨ ᠠᠷᠠᠳ ᠳᠦᠮᠡᠨ ᠢ | ᠪᠦᠯᠬᠦᠮᠳᠡᠬᠦᠯᠦᠨ ᠳᠠᠶᠢᠴᠢᠯᠠᠵᠤ᠂ ᠭᠤᠶᠢᠪᠢᠰᠢ ᠦᠬᠡᠢ ᠰᠦᠰᠦᠭ ᠪᠢᠰᠢᠷᠡᠯ᠂ ᠴᠦᠬᠦᠷᠡᠰᠢ ᠦᠬᠡᠢ ᠰᠢᠭᠤᠷᠬᠠᠢ | ᠰᠡᠳᠬᠢᠯ ᠪᠠ ᠮᠠᠷᠠᠶᠢᠨ ᠴᠢᠷᠮᠠᠶᠢᠬᠤ ᠤᠮᠤᠭ ᠵᠤᠷᠢᠭ ᠢᠶᠠᠷ ᠦᠬᠡᠷᠡᠴᠢᠯᠡᠯᠳᠡ ᠶᠢᠨ ᠬᠦᠴᠦᠨ ᠢ ᠨᠢᠭᠳᠠᠷᠠᠭᠤᠯᠤᠨ᠂ | ᠬᠥᠭᠵᠢᠯᠳᠡ ᠶᠢᠨ ᠤᠬᠠᠭᠠᠨ ᠢ ᠰᠦᠪᠡᠭᠴᠢᠯᠡᠵᠤ᠂ ᠪᠤᠳᠠᠳᠠᠢ ᠠᠵᠢᠯᠯᠠᠬᠤ ᠬᠦᠴᠦ ᠪᠠᠨ ᠡᠷᠴᠢᠮᠯᠡᠨ᠂ ᠪᠠᠶᠠᠨ | ᠬᠦᠴᠦᠷᠬᠡᠭ᠂ ᠦᠵᠡᠰᠭᠦᠯᠡᠩᠲᠦ ᠰᠠᠶᠢᠬᠠᠨ᠂ ᠵᠤᠯ ᠵᠢᠷᠭᠠᠯᠳᠤ᠂ ᠡᠶ᠎ᠡ ᠨᠡᠶᠢᠷᠠᠮᠳᠠᠭᠤ ᠠᠯᠠᠱᠠ ᠵᠡᠬᠦᠨ ᠬᠤᠰᠢᠭᠤ ᠶᠢ | ᠴᠢᠷᠮᠠᠶᠢᠨ ᠪᠠᠶᠢᠭᠤᠯᠵᠤ᠂ ᠰᠢᠯᠢᠳᠡᠭ ᠬᠢᠷᠢ ᠪᠦᠳᠦᠮᠵᠢ ᠪᠠᠷ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 | ᠵᠢᠯ ᠤᠨ ᠤᠢ ᠳᠤ ᠬᠠᠨᠳᠢᠪ ᠡᠷᠭᠦᠵᠦ᠂ ᠨᠠᠮ ᠤᠨ ᠠᠷᠪᠠᠨ ᠶᠢᠰᠦᠳᠦᠬᠡᠷ ᠶᠡᠭᠡ ᠬᠤᠷᠠᠯ ᠤᠨ ᠠᠮᠵᠢᠯᠳᠠᠳᠠᠢ | ᠬᠤᠷᠠᠯᠳᠤᠬᠤ ᠶᠢ ᠤᠭᠳᠤᠰᠤᠭᠠᠢ︕ | |