ᠨᠡᠷᠡᠰ ᠤᠨ ᠲᠠᠶᠢᠯᠪᠤᠷᠢ | | ᠲᠦᠷᠪᠡᠨ ᠪᠦᠬᠦ ᠲᠠᠯ᠎ᠠ᠄ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠠᠶᠢᠭᠤᠯᠵᠤ᠂ ᠪᠦᠬᠦ ᠲᠠᠯ᠎ᠠ ᠪᠠᠷ ᠬᠦᠨᠵᠡᠬᠡᠢ | ᠦᠬᠡᠷᠡᠴᠢᠯᠡᠯᠳᠡ ᠬᠢᠵᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢᠶᠠᠨ ᠵᠠᠰᠠᠵᠤ᠂ ᠪᠦᠬᠦ ᠲᠠᠯ᠎ᠠ ᠪᠠᠷ ᠨᠠᠮ | ᠢᠶᠠᠨ ᠴᠢᠩᠭ᠎ᠠ ᠵᠠᠰᠠᠬᠤ ᠶᠢ ᠬᠡᠯᠡᠨ᠎ᠡ᠃ | ᠲᠠᠪᠤᠨ ᠨᠢᠬᠡ ᠴᠤᠭᠴᠠ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠤᠨ ᠠᠵᠢᠯ ᠤᠨ ᠢᠯᠡᠳᠬᠡᠯ ᠤᠨ ︽ | ᠰᠢᠨ᠎ᠡ ᠲᠤᠷᠠᠳᠤᠯ︾ ᠤᠨ ᠨᠢᠬᠡ ᠨᠢ ᠪᠤᠯᠤᠨ᠎ᠠ᠃ ᠠᠵᠤ ᠠᠬᠤᠢ ᠶᠢᠨ ᠪᠦᠳᠦᠬᠡᠨ ᠪᠠᠶᠢᠭᠤᠯᠤᠯᠳᠠ ᠤᠯᠤᠰ ᠲᠦᠷᠦ | ᠶᠢᠨ ᠪᠦᠳᠦᠬᠡᠨ ᠪᠠᠶᠢᠭᠤᠯᠤᠯᠳᠠ ᠰᠤᠶᠤᠯ ᠤᠨ ᠪᠠᠶᠢᠭᠤᠯᠤᠯᠳᠠ᠂ ᠨᠡᠶᠢᠬᠡᠮ ᠤᠨ ᠪᠠᠶᠢᠭᠤᠯᠤᠯᠳᠠ᠂ ᠠᠮᠢ ᠠᠬᠤᠢ | ᠶᠢᠨ ᠪᠤᠯᠪᠠᠰᠤᠨ ᠤ ᠪᠠᠶᠢᠭᠤᠯᠤᠯᠳᠠ ᠶᠢ ᠨᠢᠬᠡ ᠴᠣᠤᠴᠠᠵᠢᠭᠤᠯᠬᠤ ᠶᠡᠷᠦᠩᠬᠡᠢ ᠪᠠᠶᠢᠷᠢᠯᠠᠭᠤᠯᠤᠯᠳᠠ ᠪᠤᠯᠤᠨ᠎ᠠ᠃ | ᠲᠠᠪᠤᠨ ᠶᠡᠭᠡ ᠬᠦᠭᠵᠢᠯᠳᠡ ᠶᠢᠨ ᠦᠢᠯᠠᠭᠠᠭᠳᠠᠬᠤᠨ᠄ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ | ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠠᠪᠤᠳᠤᠭᠠᠷ ᠤᠳᠠᠭᠠᠨ ᠤ ᠪᠦᠬᠦᠳᠡ ᠬᠤᠷᠠᠯ ᠠᠴᠠ᠂ ︽ | ᠠᠷᠪᠠᠨ ᠭᠤᠷᠪᠠᠳᠤᠭᠠᠷ ᠲᠠᠪᠤᠨ ᠵᠢᠯ ᠤᠨ ᠲᠦᠯᠦᠪᠵᠢᠬᠦᠯᠬᠡ︾ ᠶᠢᠨ ᠬᠤᠭᠤᠴᠠᠭᠠᠨ ᠤ ᠬᠦᠭᠵᠢᠯᠳᠡ ᠶᠢᠨ | ᠬᠠᠷᠠᠯᠳᠠ ᠶᠢ ᠪᠶᠡᠯᠡᠭᠦᠯᠵᠦ᠂ ᠬᠦᠭᠵᠢᠯᠳᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠦᠭᠵᠢᠯᠳᠡ ᠶᠢᠨ | ᠲᠠᠪᠠᠭᠤᠯᠢᠭ ᠢᠶᠠᠨ ᠪᠠᠳᠤᠳᠬᠠᠬᠠᠤ ᠳᠤ᠂ ᠰᠢᠨ᠎ᠡ ᠶᠢ ᠡᠬᠦᠳᠬᠦ᠂ ᠵᠤᠬᠢᠴᠠᠩᠭᠤᠢ ᠪᠠᠷ᠂ ᠪᠤᠬᠢᠷᠳᠤᠯ ᠦᠬᠡᠢ᠂ | ᠴᠢᠯᠤᠬᠡᠳᠡᠢ᠂ ᠬᠠᠮᠳᠤ ᠪᠠᠷ ᠡᠳ᠋ᠯᠡᠬᠦ ᠬᠦᠭᠵᠢᠯᠳᠡ ᠶᠢᠨ ᠦᠢᠯᠠᠭᠠᠭᠳᠠᠬᠤᠨ ᠢ ᠡᠷᠬᠡᠪᠰᠢ ᠪᠠᠳᠤᠳᠠᠢ ᠪᠤᠢ ᠪᠤᠯᠭᠠᠨ | ᠦᠨᠡᠨᠬᠦ ᠲᠤᠤᠱᠯᠠᠭᠤᠯᠬᠤ ᠬᠡᠷᠡᠭᠳᠡᠢ ᠬᠡᠵᠦ ᠴᠢᠩᠭᠠᠳᠬᠠᠪᠠ᠃ | ᠬᠤᠶᠠᠷ ᠢ ᠰᠤᠷᠤᠯᠴᠠᠵᠤ ᠨᠢᠬᠡ ᠪᠤᠯᠬᠤ᠄ ᠡᠪ ᠬᠠᠮᠳᠤ ᠨᠠᠮ ᠤᠨ ᠲᠦᠷᠢᠮ ᠲᠤᠭᠳᠠᠭᠠᠯ ᠢ ᠰᠤᠷᠤᠯᠴᠠᠵᠤ᠂ ᠰᠢ ᠶᠢᠨ | ᠫᠢᠨ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ᠂ ᠰᠢᠯᠢᠳᠡᠭ ᠨᠠᠮ | ᠤᠨ ᠬᠡᠰᠢᠬᠦᠨ ᠪᠤᠯᠬᠤ ᠶᠢ ᠵᠢᠭᠠᠨ᠎ᠠ᠃ | ︽ᠬᠤᠶᠠᠷ ᠵᠠᠷᠴᠢᠮ᠂ ᠲᠦᠷᠪᠡᠨ ᠲᠦᠷᠢᠮ︾᠄ ︽ᠰᠢᠨ᠎ᠡ ᠪᠠᠶᠢᠳᠠᠯ ᠤᠨ ᠨᠠᠮ ᠤᠨ ᠲᠤᠳᠤᠷᠠᠬᠢ ᠤᠯᠤᠰ ᠲᠦᠷᠦ | ᠶᠢᠨ ᠠᠮᠢᠳᠤᠷᠠᠯ ᠤᠨ ᠲᠤᠬᠠᠢ ᠬᠠᠮᠢᠶ᠎ᠠ ᠪᠦᠬᠦᠢ ᠵᠤᠷᠪᠤᠰ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ | ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ ᠵᠠᠷᠴᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ | ᠰᠠᠬᠢᠯᠭ᠎ᠠ ᠲᠦᠷᠢᠮ ᠰᠢᠳᠬᠡᠯ ᠤᠨ ᠵᠤᠷᠪᠤᠰ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ | ᠬᠠᠷᠢᠭᠤᠴᠠᠯᠭ᠎ᠠ ᠨᠡᠬᠡᠮᠵᠢᠯᠡᠬᠦ ᠲᠦᠷᠢᠮ︾᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠨᠠᠮ ᠤᠨ | ᠲᠤᠳᠤᠷᠠᠬᠢ ᠬᠢᠨᠠᠯᠳᠠ ᠲᠠᠯᠪᠢᠬᠤ ᠵᠤᠷᠪᠤᠰ︾ ᠪᠤᠯᠤᠨ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠤᠭᠤᠷᠢᠨ | ᠪᠠᠶᠢᠴᠠᠭᠠᠬᠤ ᠠᠵᠢᠯ ᠤᠨ ᠲᠦᠷᠢᠮ︾ ᠵᠡᠷᠬᠡ ᠪᠤᠯᠤᠨ᠎ᠠ᠃ | ᠡᠷᠬᠡ ᠪᠠᠨ ᠲᠠᠯᠪᠢᠵᠦ ᠬᠠᠮᠢᠶᠠᠷᠠᠬᠤ᠂ ᠦᠢᠯᠡᠴᠢᠯᠡᠭᠡ ᠪᠠᠨ ᠰᠢᠯᠳᠡᠭᠵᠢᠬᠦᠯᠬᠦ᠄ ᠵᠠᠰᠠᠭ ᠢᠶᠠᠨ ᠴᠤᠮᠬᠠᠳᠬᠠᠵᠤ ᠡᠷᠬᠡ | ᠪᠠᠨ ᠲᠠᠯᠪᠢᠬᠤ᠂ ᠡᠷᠬᠡ ᠪᠠᠨ ᠲᠠᠯᠪᠢᠬᠤ ᠪᠤᠯᠤᠨ ᠬᠠᠮᠢᠶᠠᠷᠤᠯᠳᠠ ᠶᠢ ᠤᠶᠠᠯᠳᠤᠭᠤᠯᠵᠤ᠂ ᠦᠢᠯᠡᠴᠢᠯᠡᠭᠡ ᠪᠠᠨ | ᠰᠢᠯᠢᠳᠡᠭᠵᠢᠬᠦᠯᠬᠦ ᠲᠤᠪᠴᠢ ᠨᠡᠷᠡᠶᠢᠳᠦᠯ ᠪᠤᠯᠤᠨ᠎ᠠ᠃ | ᠡᠵᠡᠩᠨᠡᠯᠳᠡ ᠶᠢᠨ ᠭᠠᠶᠢᠯᠢ ᠶᠢ ᠨᠡᠮᠡᠯᠳᠡ ᠦᠷᠳᠡᠭ ᠤᠨ ᠭᠠᠶᠢᠯᠢ ᠪᠤᠯᠭᠠᠨ ᠦᠬᠡᠷᠡᠴᠢᠯᠡᠬᠦ᠄ ᠡᠵᠡᠩᠨᠡᠯᠳᠡ ᠶᠢᠨ ᠭᠠᠶᠢᠯᠢ | ᠶᠢ ᠨᠡᠮᠡᠯᠳᠡ ᠦᠷᠳᠡᠭ ᠤᠨ ᠭᠠᠶᠢᠯᠢ ᠪᠤᠯᠭᠠᠨ ᠦᠬᠡᠷᠡᠴᠢᠯᠡᠬᠦ ᠬᠡᠳᠡᠭ ᠨᠢ ᠤᠤᠯ ᠤᠨ ᠲᠤᠰᠢᠶᠠᠵᠤ ᠪᠠᠶᠢᠭᠰᠠᠨ | ᠡᠵᠡᠩᠨᠡᠳᠡ ᠶᠢᠨ ᠭᠠᠶᠢᠯᠢ ᠶᠢᠨ ᠲᠦᠷᠦᠯ ᠢ ᠦᠬᠡᠷᠡᠴᠢᠯᠡᠨ ᠨᠡᠮᠡᠯᠳᠡ ᠦᠷᠳᠡᠭ ᠤᠨ ᠭᠠᠶᠢᠯᠢ ᠶᠢ ᠲᠤᠰᠢᠶᠠᠵᠤ᠂ | ᠨᠡᠮᠡᠯᠳᠡ ᠦᠷᠳᠡᠭ ᠤᠨ ᠭᠠᠶᠢᠯᠢ ᠨᠢ ᠵᠦᠪᠬᠡᠨ ᠪᠦᠳᠦᠭᠡᠭᠳᠡᠬᠦᠨ ᠡᠰᠡᠬᠦᠯ᠎ᠡ ᠦᠢᠯᠡᠴᠢᠯᠡᠬᠡᠨ ᠤ ᠨᠡᠮᠡᠭᠳᠡᠭᠰᠡᠨ ᠬᠡᠰᠡᠭ ᠲᠤ | ᠭᠠᠶᠢᠯᠢ ᠲᠤᠰᠢᠶᠠᠵᠤ᠂ ᠲᠠᠬᠢᠨ ᠭᠠᠶᠢᠯᠢ ᠲᠤᠰᠢᠶᠠᠬᠤ ᠠᠯᠬᠤᠮ ᠲᠠᠷᠠᠭ᠎ᠠ ᠶᠢ ᠪᠠᠭᠠᠰᠬᠠᠪᠠ᠃ | ᠲᠠᠪᠤᠨ ᠦᠨᠡᠮᠯᠡᠯ ᠢ ᠨᠢᠬᠡ ᠪᠤᠯᠭᠠᠬᠤ᠄ ᠡᠵᠡᠩᠨᠡᠬᠦ ᠦᠨᠡᠮᠯᠡᠯ᠂ ᠵᠤᠬᠢᠶᠠᠨ ᠪᠠᠶᠢᠭᠤᠯᠤᠯᠳᠠ ᠶᠢᠨ ᠪᠠᠶᠢᠭᠤᠯᠤᠮᠵᠢ ᠶᠢᠨ | ᠲᠦᠯᠦᠬᠡᠨ ᠤ ᠦᠨᠡᠮᠯᠡᠯ᠂ ᠭᠠᠶᠢᠯᠢ ᠶᠢᠨ ᠶᠠᠪᠤᠳᠠᠯ ᠢ ᠲᠠᠩᠰᠠᠯᠠᠬᠤ ᠦᠨᠡᠮᠯᠡᠯ᠂ ᠨᠡᠶᠢᠬᠡᠮ ᠤᠨ ᠲᠠᠭᠠᠳᠬᠠᠯ ᠢ | ᠲᠠᠩᠰᠠᠯᠠᠬᠤ ᠦᠨᠡᠮᠯᠡᠯ ᠪᠤᠯᠤᠨ ᠲᠤᠭ᠎ᠠ ᠪᠦᠷᠢᠳᠬᠡᠯ ᠢ ᠲᠠᠩᠰᠠᠯᠠᠬᠤ ᠦᠨᠡᠮᠯᠡᠯ ᠵᠡᠷᠬᠡ ᠲᠠᠪᠤᠨ ᠦᠨᠡᠮᠯᠡᠯ ᠢ ᠨᠢᠬᠡ | ᠪᠤᠯᠭᠠᠨ ᠲᠠᠩᠰᠠᠯᠠᠬᠤ ᠲᠦᠷᠢᠮ ᠢ ᠵᠢᠭᠠᠨ᠎ᠠ᠃ | ᠬᠤᠶᠠᠷ ᠦᠨᠡᠮᠯᠡᠯ ᠢ ᠨᠢᠬᠡ ᠪᠤᠯᠭᠠᠬᠤ᠄ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠲᠠᠩᠰᠠᠯᠠᠬᠤ | ᠳᠤ ᠠᠯᠬᠤᠮ ᠲᠠᠷᠠᠭ᠎ᠠ ᠲᠠᠢ ᠪᠠᠷ ᠭᠤᠶᠤᠴᠢᠯᠠᠨ᠂ ᠲᠤᠰᠪᠤᠷᠢ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ | ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠬᠠᠷᠭᠤᠭᠤᠯᠤᠨ ᠲᠠᠷᠬᠠᠭᠠᠭᠰᠠᠨ ᠬᠡᠷᠡᠴᠢ ᠦᠨᠡᠮᠯᠡᠯ᠂ ᠭᠠᠶᠢᠯᠢ ᠶᠢᠨ | ᠶᠠᠪᠤᠳᠠᠯ ᠠᠴᠠ ᠬᠠᠷᠭᠤᠭᠤᠯᠤᠨ ᠲᠠᠷᠬᠠᠭᠠᠭᠰᠠᠨ ᠭᠠᠶᠢᠯᠢ ᠶᠢᠨ ᠶᠠᠪᠤᠳᠠᠯ ᠤᠨ ᠲᠠᠩᠰᠠᠯᠠᠭᠰᠠᠨ ᠦᠨᠡᠮᠯᠡᠯ ᠢ ᠨᠢᠬᠡ | ᠤᠳᠠᠭ᠎ᠠ ᠪᠠᠷ ᠭᠤᠶᠤᠴᠢᠯᠠᠨ ᠦᠢᠯᠡᠳᠪᠦᠷᠢ ᠬᠤᠳᠠᠯᠳᠤᠭᠠᠨ ᠤ ᠵᠠᠰᠠᠭ ᠵᠠᠬᠢᠷᠭᠠᠨ ᠤ ᠬᠠᠮᠢᠶᠠᠷᠤᠯᠳᠠ ᠶᠢᠨ ᠰᠠᠯᠠᠭ᠎ᠠ | ᠮᠦᠴᠢᠷ ᠠᠴᠠ ᠬᠠᠷᠭᠤᠭᠤᠯᠤᠨ ᠲᠠᠷᠬᠠᠭᠠᠭᠰᠠᠨ ᠡᠵᠡᠩᠨᠡᠬᠦ ᠦᠨᠡᠮᠯᠡᠯ ᠢ ᠲᠠᠩᠰᠠᠯᠠᠬᠤ ᠲᠦᠷᠢᠮ ᠢ ᠵᠢᠭᠠᠨ᠎ᠠ᠃ | ᠲᠤᠮᠳᠠᠳᠤ ᠤᠯᠤᠰ ᠤᠨ ᠬᠠᠤᠯᠢ ᠲᠦᠷᠢᠮ ᠤᠨ ᠵᠠᠰᠠᠭ ᠤᠨ ᠤᠷᠳᠤᠨ ᠤ ᠱᠠᠩᠨᠠᠯ᠄ ︽ᠲᠤᠮᠳᠠᠳᠤ ᠤᠯᠤᠰ ᠤᠨ | ᠬᠠᠤᠯᠢ ᠲᠦᠷᠢᠮ ᠤᠨ ᠵᠠᠰᠠᠭ ᠤᠨ ᠤᠷᠳᠤᠨ ᠤ ᠱᠠᠩᠨᠠᠯ︾ ᠨᠢ ᠲᠤᠮᠳᠠᠳᠣ ᠤᠯᠤᠰ ᠤᠨ ᠤᠯᠤᠰ ᠲᠦᠷᠦ ᠬᠠᠤᠯᠢ | ᠴᠠᠭᠠᠵᠠ ᠶᠢᠨ ᠶᠡᠭᠡ ᠰᠤᠷᠭᠠᠭᠤᠯᠢ ᠶᠢᠨ ᠬᠠᠤᠯᠢ ᠲᠦᠷᠢᠮ ᠵᠠᠰᠠᠭ ᠤᠨ ᠤᠷᠳᠤᠨ ᠤ ᠰᠤᠳᠤᠯᠭᠠᠨ ᠤ ᠬᠦᠷᠢᠶᠡᠯᠡᠩ ᠠᠴᠠ | ᠪᠠᠶᠢᠭᠤᠯᠤᠭᠰᠠᠨ᠂ ᠤᠯᠤᠰ ᠤᠨ ᠲᠤᠳᠤᠭᠠᠳᠤ ᠳᠤ ᠠᠩᠬ᠎ᠠ ᠡᠷᠳᠡᠮ ᠰᠤᠳᠤᠯᠭᠠᠨ ᠤ ᠪᠠᠶᠢᠭᠤᠯᠤᠮᠵᠢ ᠠᠴᠠ | ᠪᠠᠶᠢᠭᠤᠯᠤᠭᠰᠠᠨ ᠱᠠᠩᠨᠠᠯ ᠤᠨ ᠲᠦᠷᠦᠯ ᠪᠠᠶᠢᠵᠤ᠂ ᠭᠤᠤᠯᠳᠠᠭᠤ ᠡᠯ᠎ᠡ ᠱᠠᠳᠤᠨ ᠤ ᠵᠠᠰᠠᠭ ᠵᠠᠬᠢᠷᠭᠠᠨ ᠤ ᠠᠯᠪᠠᠨ | ᠪᠠᠶᠢᠭᠤᠯᠭ᠎ᠠ ᠨᠢ ᠬᠠᠤᠯᠢ ᠶᠤᠰᠤᠭᠠᠷ ᠵᠠᠰᠠᠭ ᠪᠠᠷᠢᠵᠤ᠂ ᠬᠠᠤᠯᠢ ᠲᠦᠷᠢᠮ ᠤᠨ ᠵᠠᠰᠠᠭ ᠤᠨ ᠤᠷᠳᠤᠨ ᠢ ᠪᠠᠶᠢᠭᠤᠯᠬᠤ | ᠲᠠᠯ᠎ᠠ ᠪᠠᠷ ᠬᠢ ᠲᠦᠷᠢᠮ ᠤᠨ ᠰᠢᠨ᠎ᠡ ᠶᠢ ᠡᠬᠦᠳᠬᠦ ᠪᠤᠯᠤᠨ ᠠᠷᠭ᠎ᠠ ᠪᠠᠷᠢᠯ ᠳᠤ ᠲᠤᠰᠬᠠᠢ ᠮᠡᠷᠬᠡᠵᠢᠯ ᠤᠨ ᠰᠢᠯᠭᠠᠨ | ᠰᠤᠩᠭᠤᠬᠤ ᠪᠤᠯᠤᠨ ᠱᠠᠩᠨᠠᠨ ᠬᠦᠭᠢᠬᠦᠯᠬᠦ ᠶᠢ ᠵᠢᠭᠠᠨ᠎ᠠ᠃ | ᠭᠤᠷᠪᠠᠨ ᠵᠤᠷᠪᠤᠰ ᠪᠠᠷᠢᠮᠵᠢᠶ᠎ᠠ ᠱᠤᠭᠤᠮ᠄ ᠯᠢ ᠶᠢ ᠾᠧᠩ ᠱᠦᠵᠢ ᠦᠪᠡᠷᠳᠡᠬᠡᠨ ᠤᠷᠤᠨ ᠤ ᠠᠷᠪᠠᠳᠤᠭᠠᠷ ᠤᠳᠠᠭᠠᠨ ᠤ | ᠨᠠᠮ ᠤᠨ ᠲᠦᠯᠦᠬᠡᠯᠡᠭᠴᠢᠳ ᠤᠨ ᠬᠤᠷᠠᠯ ᠤᠨ ᠠᠵᠢᠯ ᠤᠨ ᠢᠯᠡᠳᠬᠡᠯ ᠳᠡᠭᠡᠨ ᠬᠦᠭᠵᠢᠯᠳᠡ᠂ ᠠᠮᠢ ᠠᠬᠤᠢ᠂ | ᠠᠷᠠᠳ ᠤᠨ ᠠᠮᠢᠳᠤᠷᠠᠯ ᠭᠤᠷᠪᠠᠨ ᠪᠠᠷᠢᠮᠵᠢᠶ᠎ᠠ ᠱᠤᠭᠤᠮ ᠶᠢ ᠰᠠᠬᠢᠬᠤ ᠬᠡᠷᠡᠭᠳᠡᠢ ᠬᠡᠵᠦ ᠵᠢᠭᠠᠵᠤ ᠭᠠᠷᠭᠠᠵᠠᠢ᠃ | ᠲᠠᠪᠦ ᠶᠢ ᠲᠦᠷᠭᠡᠳᠬᠡᠬᠦ᠄ ᠯᠢ ᠶᠢ ᠾᠧᠩ ᠱᠦᠵᠢ ᠦᠪᠡᠷᠳᠡᠬᠡᠨ ᠤᠷᠤᠨ ᠤ ᠠᠷᠪᠠᠳᠤᠭᠠᠷ ᠤᠳᠠᠭᠠᠨ ᠤ ᠨᠠᠮ ᠤᠨ | ᠲᠦᠯᠦᠬᠡᠯᠡᠭᠴᠢᠳ ᠤᠨ ᠬᠤᠷᠠᠯ ᠤᠨ ᠠᠵᠢᠯ ᠤᠨ ᠢᠯᠡᠳᠬᠡᠯ ᠳᠡᠭᠡᠨ ᠠᠵᠤ ᠦᠢᠯᠡᠳᠪᠦᠷᠢᠵᠢᠯᠳᠡ᠂ ᠰᠤᠷᠠᠭ | ᠵᠠᠩᠬᠢᠵᠢᠯᠠᠯᠳᠠ᠂ ᠬᠤᠳᠠ ᠪᠠᠯᠭᠠᠰᠤᠵᠢᠯᠳᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠳᠠ ᠪᠤᠯᠤᠨ | ᠪᠤᠬᠢᠷᠳᠤᠯ ᠦᠬᠡᠢ ᠪᠠᠶᠢᠬᠤ ᠶᠢ ᠵᠤᠬᠢᠴᠠᠩᠭᠤᠢ ᠪᠠᠷ ᠬᠦᠭᠵᠢᠬᠦᠯᠬᠦ ᠬᠡᠷᠡᠭᠳᠡᠢ ᠬᠡᠵᠦ ᠵᠢᠭᠠᠵᠤ ᠭᠠᠷᠭᠠᠵᠠᠢ᠃ | ᠵᠢᠷᠭᠤᠭᠠᠨ ᠶᠡᠭᠡ ᠰᠠᠭᠤᠷᠢᠨ ᠭᠠᠵᠠᠷ᠄ ᠯᠢ ᠶᠢ ᠾᠧᠩ ᠱᠦᠵᠢ ᠦᠪᠡᠷᠳᠡᠬᠡᠨ ᠤᠷᠤᠨ ᠤ ᠠᠷᠪᠠᠳᠤᠭᠠᠷ ᠤᠳᠠᠭᠠᠨ ᠤ | ᠨᠠᠮ ᠤᠨ ᠲᠦᠯᠦᠬᠡᠯᠡᠭᠴᠢᠳ ᠤᠨ ᠬᠤᠷᠠᠯ ᠤᠨ ᠠᠵᠢᠯ ᠤᠨ ᠢᠯᠡᠳᠬᠡᠯ ᠳᠡᠭᠡᠨ ᠤᠯᠤᠰ ᠤᠨ ᠭᠤᠤᠯᠳᠠᠯᠭᠠᠳᠤ | ᠡᠨᠧᠷᠬᠢ ᠶᠢᠨ ᠰᠠᠭᠤᠷᠢᠨ ᠭᠠᠵᠠᠷ᠂ ᠰᠢᠨ᠎ᠡ ᠬᠡᠯᠪᠡᠷᠢ ᠶᠢᠨ ᠬᠢᠮᠢ ᠶᠢᠨ ᠦᠢᠯᠡᠳᠪᠦᠷᠢ ᠶᠢᠨ ᠰᠠᠭᠤᠷᠢᠨ ᠭᠠᠵᠠᠷ᠂ | ᠦᠩᠬᠡᠳᠦ ᠲᠡᠮᠦᠷᠯᠢᠭ ᠢ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ᠂ ᠪᠤᠬᠢᠷᠳᠤᠯ ᠦᠬᠡᠢ ᠮᠠᠯ ᠠᠵᠤ | ᠠᠬᠤᠢ ᠶᠢᠨ ᠠᠰᠢᠭ ᠰᠢᠮ᠎ᠡ ᠶᠢ ᠦᠢᠯᠡᠳᠪᠦᠷᠢᠯᠡᠨ ᠪᠤᠯᠪᠠᠰᠤᠷᠠᠭᠤᠯᠬᠤ ᠰᠠᠭᠤᠷᠢᠨ ᠭᠠᠵᠠᠷ᠂ ᠪᠠᠶᠢᠯᠳᠤᠬᠤ | ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠭᠠᠵᠠᠷ ᠪᠤᠯᠤᠨ ᠤᠯᠤᠰ ᠤᠨ | ᠲᠤᠳᠤᠭᠠᠳᠤ ᠭᠠᠳᠠᠭᠠᠳᠤ ᠶᠢᠨ ᠨᠡᠷ᠎ᠡ ᠠᠯᠳᠠᠷᠰᠢᠯ ᠤᠨ ᠵᠢᠭᠤᠯᠴᠢᠯᠠᠯ ᠤᠨ ᠬᠠᠷᠠᠯᠳᠠᠳᠤ ᠤᠷᠤᠨ ᠢ ᠪᠠᠶᠢᠭᠤᠯᠤᠨ᠎ᠠ᠃ | ︽ᠵᠢᠭᠤᠯᠴᠢᠯᠠᠯ +︾ ᠪᠠᠶᠢᠯᠳᠤᠬᠤ ᠪᠤᠳᠤᠯᠭ᠎ᠠ᠄ ᠯᠢ ᠶᠢ ᠾᠧᠩ ᠱᠦᠵᠢ ᠦᠪᠡᠷᠳᠡᠬᠡᠨ ᠵᠠᠰᠠᠬᠤ ᠤᠷᠤᠨ ᠤ | ᠠᠷᠪᠠᠳᠤᠭᠠᠷ ᠤᠳᠠᠭᠠᠨ ᠤ ᠨᠠᠮ ᠤᠨ ᠲᠦᠯᠦᠬᠡᠯᠡᠭᠴᠢᠳ ᠤᠨ ᠬᠤᠷᠠᠯ ᠤᠨ ᠠᠵᠢᠯ ᠤᠨ ᠢᠯᠡᠳᠬᠡᠯ ᠳᠡᠭᠡᠨ ︽ | ᠵᠢᠭᠤᠯᠴᠢᠯᠠᠯ +︾ ᠪᠠᠶᠢᠯᠳᠤᠬᠤ ᠪᠤᠳᠤᠯᠭ᠎ᠠ ᠶᠢ ᠬᠡᠷᠡᠭᠵᠢᠬᠦᠯᠦᠨ᠎ᠡ ᠬᠡᠵᠦ ᠵᠢᠭᠠᠵᠤ ᠭᠠᠷᠭᠠᠪᠠ᠃ | ︽1396︾ ᠭᠡᠳᠦ ᠲᠡᠰ ᠤᠨ ᠨᠤᠤᠯᠤᠷ ᠤᠨ ᠢᠮᠠᠭ᠎ᠠ᠄ ᠰᠢᠷᠭᠡᠭ ᠤᠨ ᠬᠡᠮᠵᠢᠶ᠎ᠡ ᠨᠢ ᠠᠷᠪᠠᠨ ᠭᠤᠷᠪᠠᠨ | ᠮᠢᠺᠷᠦᠨ ᠠᠴᠠ ᠲᠤᠷᠤᠭᠰᠢ᠂ ᠤᠷᠳᠤ ᠶᠢᠨ ᠬᠡᠮᠵᠢᠶ᠎ᠡ ᠨᠢ 96 ᠮᠢᠯᠢᠮᠧᠲᠷ ᠠᠴᠠ ᠲᠡᠭᠡᠭᠰᠢᠬᠢ ᠨᠤᠤᠯᠤᠷ ᠢ ᠵᠢᠭᠠᠨ᠎ᠠ᠃ | ᠦᠬᠦᠮᠡᠯ ᠠᠵᠤ ᠠᠬᠤᠶᠢᠯᠠᠯ᠄ ᠦᠬᠦᠮᠡᠯ ᠠᠵᠤ ᠠᠬᠤᠶᠢᠯᠠᠯ ᠬᠡᠳᠡᠭ ᠨᠢ ᠦᠢᠯᠡᠳᠪᠦᠷᠢᠯᠡᠬᠦ ᠪᠠᠨ ᠵᠤᠭᠰᠤᠭᠰᠠᠨ᠂ | ᠬᠠᠭᠠᠰ ᠵᠤᠭᠰᠤᠭᠰᠠᠨ᠂ ᠪᠦᠬᠦ ᠵᠢᠯ ᠢᠶᠠᠷ ᠢᠶᠠᠨ ᠲᠠᠮᠪᠠᠭᠠᠷᠠᠭᠰᠠᠨ᠂ ᠬᠦᠷᠦᠩᠬᠡ ᠨᠢ ᠦᠷᠢ ᠳᠡᠭᠡᠨ ᠬᠦᠷᠬᠦ ᠦᠬᠡᠢ᠂ | ᠭᠤᠤᠯᠳᠠᠭᠤ ᠵᠠᠰᠠᠭ ᠤᠨ ᠤᠷᠳᠤᠨ ᠤ ᠨᠦᠬᠦᠪᠦᠷᠢ ᠪᠤᠯᠤᠨ ᠪᠠᠩᠬᠢ ᠶᠢᠨ ᠵᠢᠬᠡᠯᠡᠯᠭᠡ ᠳᠤ ᠲᠦᠰᠢᠭᠯᠡᠨ ᠡᠵᠡᠩᠨᠡᠯᠳᠡ ᠪᠠᠨ | ᠠᠷᠭᠠᠴᠠᠭᠠᠵᠤ ᠪᠠᠶᠢᠭ᠎ᠠ ᠠᠵᠤ ᠠᠬᠤᠶᠢᠯᠠᠯ ᠢ ᠵᠢᠭᠠᠨ᠎ᠠ᠃ | PPP᠄ ᠠᠯᠪᠠᠨ ᠤ ᠬᠢ ᠪᠠ ᠬᠤᠪᠢ ᠬᠦᠮᠦᠨ ᠬᠠᠮᠳᠤᠷᠠᠬᠤ ᠬᠡᠪ ᠵᠠᠭᠪᠤᠷ ᠢ ᠵᠢᠭᠠᠨ᠎ᠠ᠃ ᠤᠯᠠᠨ ᠨᠡᠶᠢᠳᠡ ᠶᠢᠨ | ᠰᠠᠭᠤᠷᠢ ᠲᠦᠬᠦᠬᠡᠷᠦᠮᠵᠢ ᠶᠢᠨ ᠲᠤᠮᠳᠠᠬᠢ ᠨᠢᠬᠡ ᠵᠦᠢᠯ ᠤᠨ ᠲᠦᠷᠦᠯ ᠵᠦᠢᠯ ᠤᠨ ᠪᠡᠯᠡ ᠬᠤᠷᠠᠮᠳᠤᠭᠤᠯᠬᠤ ᠬᠡᠯᠪᠡᠷᠢ | ᠪᠤᠯᠤᠨ᠎ᠠ᠃ ᠲᠤᠰ ᠵᠠᠭᠪᠤᠷ ᠲᠤ᠂ ᠬᠤᠪᠢ ᠶᠢᠨ ᠠᠵᠤ ᠠᠬᠤᠶᠢᠯᠠᠯ᠂ ᠠᠷᠠᠳ ᠠᠴᠠ ᠡᠷᠬᠢᠯᠡᠭᠰᠡᠨ ᠡᠳ᠋ ᠬᠦᠷᠦᠩᠬᠡ | ᠪᠠ ᠵᠠᠰᠠᠭ ᠤᠨ ᠤᠷᠳᠤᠨ ᠤ ᠬᠠᠮᠳᠤᠷᠠᠯᠴᠠᠨ᠂ ᠤᠯᠠᠨ ᠨᠡᠶᠢᠳᠡ ᠶᠢᠨ ᠰᠠᠭᠤᠷᠢ ᠲᠤᠬᠦᠬᠡᠷᠦᠮᠵᠢ ᠶᠢᠨ ᠪᠦᠳᠦᠬᠡᠨ | ᠪᠠᠶᠢᠭᠤᠯᠤᠯᠳᠠ ᠳᠤ ᠤᠷᠤᠯᠴᠠᠬᠠᠤ ᠶᠢ ᠵᠤᠷᠢᠭᠵᠢᠭᠤᠯᠤᠨ᠎ᠠ᠃ | ᠡᠮᠴᠢᠯᠡᠭᠡ ᠠᠰᠠᠷᠠᠮᠵᠢ ᠶᠢ ᠤᠶᠠᠯᠳᠤᠭᠤᠯᠬᠤ᠄ ᠡᠮᠴᠢᠯᠡᠬᠡᠨ ᠤ ᠡᠬᠢ ᠪᠠᠶᠠᠯᠢᠭ ᠪᠤᠯᠤᠨ ᠨᠠᠰᠤᠳᠠᠶᠢᠴᠤᠳ ᠢ ᠠᠰᠠᠷᠠᠬᠤ | ᠡᠬᠢ ᠪᠠᠶᠠᠯᠢᠭ ᠢ ᠤᠶᠠᠯᠳᠤᠭᠤᠯᠤᠨ ᠨᠡᠶᠢᠬᠡᠮ ᠤᠨ ᠡᠬᠢ ᠪᠠᠶᠠᠯᠢᠭ ᠢ ᠬᠠᠮᠤᠭ ᠶᠡᠭᠡ ᠪᠠᠷ ᠠᠰᠢᠭᠯᠠᠬᠤ ᠶᠢ ᠪᠡᠶᠡᠯᠡᠬᠦᠯᠦᠨ᠎ᠡ | ᠃ | ᠨᠢᠬᠡ ᠲᠠᠪᠴᠠᠩ ᠲᠦᠷᠪᠡᠨ ᠲᠦᠪ᠄ ᠨᠠᠰᠤᠳᠠᠶᠢᠴᠤᠳ ᠢ ᠠᠰᠠᠷᠠᠬᠤ ᠲᠠᠪᠴᠠᠩ᠂ ᠶᠡᠷᠦᠩᠬᠡᠶᠢᠯᠡᠭᠰᠡᠨ ᠴᠢᠨᠠᠷᠳᠠᠢ | ᠨᠠᠰᠤᠳᠠᠶᠢᠴᠤᠳ ᠢ ᠠᠰᠠᠷᠠᠬᠤ ᠦᠢᠯᠡᠴᠢᠯᠡᠬᠡᠨ ᠤ ᠠᠰᠠᠷᠠᠮᠵᠢ ᠶᠢᠨ ᠲᠦᠪ᠂ ᠡᠮᠴᠢᠯᠡᠭᠡ ᠠᠰᠠᠷᠠᠮᠵᠢ ᠶᠢ | ᠤᠶᠠᠯᠳᠤᠭᠤᠯᠤᠨ ᠠᠰᠠᠷᠠᠬᠤ ᠲᠦᠪ᠂ ᠨᠡᠶᠢᠬᠡᠮ ᠲᠤᠭᠤᠷᠢᠭ ᠤᠨ ᠨᠠᠰᠤᠳᠠᠶᠢᠴᠤᠳ ᠢ ᠡᠳᠦᠷ ᠢᠶᠠᠷ ᠬᠠᠷᠠᠭᠠᠯᠵᠠᠬᠤ ᠲᠦᠪ | ᠂ ᠬᠤᠪᠢ ᠶᠢᠨ ᠡᠵᠡᠩᠨᠡᠯᠳᠡ ᠶᠢᠨ ᠠᠵᠤ ᠠᠬᠤᠶᠢᠯᠠᠯ ᠠᠴᠠ ᠡᠷᠬᠢᠯᠡᠭᠰᠡᠨ ᠨᠠᠰᠤᠳᠠᠶᠢᠴᠤᠳ ᠢ ᠬᠠᠷᠠᠭᠠᠯᠵᠠᠬᠤ ᠲᠦᠪ | ᠵᠡᠷᠬᠡ ᠪᠤᠯᠤᠨ᠎ᠠ᠃ | ︽ᠨᠢᠬᠡ ᠶᠢ ᠤᠷᠢᠳᠴᠢᠯᠠᠨ ᠪᠡᠶᠡᠯᠡᠬᠦᠯᠬᠦ︾᠂ ︽ᠬᠤᠶᠠᠷ ᠢ ᠲᠠᠬᠢᠨ ᠢᠶᠠᠷ ᠨᠡᠮᠡᠭᠳᠡᠬᠦᠯᠬᠦ︾᠂ ︽ᠬᠤᠶᠠᠷ ᠢ | ᠦᠨᠳᠦᠷ ᠲᠦᠪᠰᠢᠨ ᠳᠤ ᠬᠦᠷᠬᠡᠬᠦ︾᠄ ᠠᠶᠢᠮᠠᠭ ᠤᠨ ᠨᠠᠮ ᠬᠤᠷᠢᠶ᠎ᠠ ᠵᠠᠬᠢᠷᠭ᠎ᠠ ᠠᠴᠠ ᠵᠢᠭᠠᠵᠤ ᠭᠠᠷᠭᠠᠭᠰᠠᠨᠨᠢ᠂ | 2020 ᠤᠨ ᠠᠴᠠ ᠡᠮᠦᠨ᠎ᠡ᠂ ᠪᠦᠬᠦ ᠤᠷᠤᠨ ᠳᠤ ᠴᠢᠨᠡᠬᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠬᠠᠷᠠᠯᠳᠠ | ᠪᠠᠨ ᠤᠷᠢᠳᠴᠢᠯᠠᠨ ᠪᠡᠶᠡᠯᠡᠬᠦᠯᠦᠨ᠎ᠡ︔ ᠭᠠᠵᠠᠷ ᠤᠷᠤᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ ᠪᠤᠯᠤᠨ ᠬᠤᠳᠠ | ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠬᠡᠭᠰᠡᠨ ᠤᠷᠤᠯᠭ᠎ᠠ ᠶᠢ 2020 ᠤᠨ ᠠᠴᠠ | ᠬᠤᠶᠠᠷ ᠲᠡᠬᠢᠨ ᠢᠶᠠᠷ ᠨᠡᠮᠡᠭᠳᠡᠬᠦᠯᠦᠨ᠎ᠡ︔ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠶᠢ ᠪᠦᠬᠦ ᠤᠷᠤᠨ ᠤ | ᠲᠡᠭᠰᠢᠳᠭᠡᠭᠰᠡᠨ ᠬᠢᠷᠢ ᠬᠡᠮᠵᠢᠶ᠎ᠡ ᠠᠴᠠ ᠦᠨᠳᠦᠷ ᠪᠠᠶᠢᠯᠭᠠᠵᠤ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ | ᠤᠷᠤᠯᠭ᠎ᠠ ᠶᠢᠨ ᠨᠡᠮᠡᠭᠳᠡᠯ ᠤᠨ ᠬᠤᠷᠳᠤᠴᠠ ᠶᠢ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ | ᠪᠠᠶᠢᠯᠭᠠᠨ᠎ᠠ᠃ | 7s ᠵᠢᠩᠬᠢᠨᠢ ᠴᠢᠨᠠᠷ ᠢ ᠪᠠᠳᠤᠯᠠᠬᠤ :︽7s︾ ᠬᠡᠳᠡᠭ ᠨᠢ ᠵᠢᠩᠬᠢᠨᠢ ᠡᠮ ᠤᠨ ᠮᠠᠲ᠋ᠧᠷᠢᠶᠠᠯ ᠤᠨ ᠭᠡᠷᠡᠴᠢᠯᠡᠯᠳᠡ᠂ | ᠡᠭᠦᠯᠳᠡᠷ ᠤᠨ ᠴᠢᠨᠠᠷ ᠢ ᠰᠢᠯᠢᠳᠡᠭᠵᠢᠬᠦᠯᠦᠨ ᠰᠣᠩᠭᠤᠬᠤ ᠪᠠ ᠲᠥᠷᠢᠮᠵᠢᠭᠰᠡᠨ ᠲᠠᠷᠢᠮᠠᠯ᠂ ᠵᠢᠩᠬᠢᠨᠢ ᠪᠠᠷᠢᠮᠵᠢᠶᠠᠵᠢᠭᠰᠠᠨ | ᠡᠮ ᠤᠨ ᠮᠠᠲ᠋ᠧᠷᠢᠶᠠᠯ ᠢ ᠪᠣᠯᠪᠠᠰᠣᠷᠠᠭᠤᠯᠬᠤ᠂ ᠵᠢᠩᠬᠢᠨᠢ ᠪᠠᠷᠢᠮᠵᠢᠶᠠᠵᠢᠭᠰᠠᠨ ᠪᠠᠶᠢᠴᠠᠭᠠᠯᠳᠠ᠂ ᠵᠢᠩᠬᠢᠨᠢ ᠪᠠᠷᠢᠮᠵᠢᠶᠠᠯᠠᠨ | ᠬᠠᠶᠢᠷᠴᠠᠭᠯᠠᠭᠰᠠᠨ᠂ ᠵᠢᠩᠬᠢᠨᠢ ᠡᠵᠡᠮᠰᠢᠯ ᠲᠠᠢ ᠪᠠᠷ ᠬᠥᠮᠥᠷᠭᠡ ᠳᠤ ᠬᠠᠳᠠᠭᠠᠯᠠᠬᠤ ᠪᠠ ᠵᠢᠩᠬᠢᠨᠢ ᠪᠥᠬᠦ ᠶᠠᠪᠣᠴᠠ ᠳᠤ | ᠵᠢᠩᠬᠢᠨᠢ ᠴᠢᠨᠠᠷ ᠢ ᠪᠠᠳᠤᠯᠠᠬᠤ ᠶᠢ ᠵᠢᠭᠠᠨ᠎ᠠ᠃ 7s ᠵᠢᠩᠬᠢᠨᠢ ᠴᠢᠨᠠᠷ ᠢ ᠪᠠᠳᠤᠯᠠᠬᠤ ᠲᠣᠭᠲᠠᠯᠴᠠᠭ᠎ᠠ ᠶᠢ ᠵᠢᠩᠬᠢᠨᠢ | ᠡᠮ ᠤᠨ ᠮᠠᠲ᠋ᠧᠷᠢᠶᠠᠯ ᠤᠨ ᠣᠭ ᠭᠠᠷᠣᠯᠳᠠ ᠶᠢᠨ ᠭᠠᠵᠠᠷ᠂ ᠥᠷ᠎ᠡ ᠴᠢᠬᠢ᠂ ᠬᠠᠶᠢᠷᠴᠠᠭ ᠢ ᠪᠣᠯᠪᠠᠰᠣᠷᠠᠭᠤᠯᠬᠤ᠂ | ᠬᠠᠳᠠᠭᠠᠯᠠᠮᠵᠢ ᠭᠥᠢᠯᠭᠡᠭᠡ ᠵᠡᠷᠭᠡ ᠠᠯᠬᠤᠮ ᠳᠠᠷᠠᠭ᠎ᠠ ᠶᠢᠨ ᠪᠥᠬᠦ ᠶᠠᠪᠣᠴᠠ ᠶᠢ ᠪᠥᠳᠥᠮᠵᠢᠲᠠᠢ ᠡᠵᠡᠮᠰᠢᠵᠤ᠂ ᠣᠭ | ᠭᠠᠷᠣᠯᠳᠠ ᠶᠢᠨ ᠣᠷᠣᠨ ᠪᠠ ᠬᠡᠷᠡᠭᠯᠡᠭᠡᠨ ᠤ ᠵᠠᠬ᠎ᠠ ᠳᠡᠯᠭᠡᠭᠦᠷ ᠤᠨ ᠨᠢᠭᠳᠠ ᠬᠠᠷᠢᠯᠴᠠᠬᠤ ᠶᠢ ᠪᠡᠶᠡᠯᠡᠭᠦᠯᠵᠥ᠂ ᠠᠶᠣᠯᠭᠦᠢ | ᠰᠠᠨᠠᠭ᠎ᠠ ᠠᠮᠣᠷ ᠬᠢᠳᠠᠳ ᠡᠮ ᠤᠨ ᠮᠠᠲ᠋ᠧᠷᠢᠶᠠᠯ ᠤᠨ ᠬᠡᠯᠬᠢᠶ᠎ᠡ ᠶᠢ ᠪᠣᠢ ᠪᠣᠯᠭᠠᠨ᠎ᠠ᠃ | ᠴᠢᠯᠦᠬᠡᠳᠤ ᠬᠤᠷᠰᠢᠯ ᠤᠨ ᠠᠵᠤ ᠠᠬᠤᠢ᠄ ᠬᠤᠶᠠᠷ ᠬᠠᠷᠢᠯᠴᠠᠨ ᠳᠤᠰᠭᠠᠷᠯᠠᠭᠰᠠᠨ᠂ ᠠᠵᠤ ᠠᠬᠤᠢ ᠶᠢᠨ ᠬᠦᠭᠵᠢᠯᠳᠡ | ᠨᠢ ᠬᠤᠴᠤᠷᠤᠩᠭᠤᠢ ᠵᠠᠰᠠᠭ ᠵᠠᠬᠢᠷᠭᠠᠨ ᠤ ᠭᠠᠵᠠᠷ ᠤᠷᠤᠨ ᠳᠤ ᠤᠤᠯ ᠤᠨ ᠵᠠᠰᠠᠭ ᠵᠠᠬᠢᠷᠭᠠᠨ ᠤ ᠤᠷᠤᠨ ᠤ | ᠬᠢᠵᠠᠭᠠᠷᠯᠠᠯ ᠢ ᠰᠢᠪᠳᠤᠯᠵᠤ᠂ ᠤᠷᠤᠨ ᠵᠠᠢ ᠶᠢ ᠠᠯᠤᠰᠯᠠᠭᠰᠠᠨ ᠵᠠᠰᠠᠭ ᠵᠠᠬᠢᠷᠭᠠᠨ ᠤ ᠬᠠᠮᠢᠶᠠᠷᠤᠯᠳᠠ ᠪᠤᠯᠤᠨ ᠠᠵᠤ | ᠠᠬᠤᠢ ᠶᠢ ᠨᠡᠬᠡᠬᠡᠨ ᠬᠦᠭᠵᠢᠬᠦᠯᠬᠦ ᠪᠠᠷ ᠳᠠᠮᠵᠢᠨ᠂ ᠬᠤᠶᠠᠷ ᠭᠠᠵᠠᠷ ᠤᠷᠤᠨ ᠤ ᠡᠬᠢ ᠪᠠᠶᠠᠯᠢᠭ ᠢ ᠬᠠᠷᠢᠯᠴᠠᠨ | ᠨᠦᠬᠦᠪᠦᠷᠢᠯᠡᠬᠦ᠂ ᠠᠵᠤ ᠠᠬᠤᠢ ᠵᠤᠬᠢᠴᠠᠯᠳᠤᠨ ᠬᠦᠭᠵᠢᠬᠦ ᠨᠢᠬᠡ ᠵᠦᠢᠯ ᠤᠨ ᠤᠷᠤᠨ ᠳᠤᠭᠤᠷᠢᠭ ᠤᠨ ᠠᠵᠤ ᠠᠬᠤᠢ | ᠶᠢᠨ ᠬᠠᠮᠳᠤᠷᠠᠯᠴᠠᠭ᠎ᠠ ᠶᠢ ᠪᠡᠶᠡᠯᠡᠬᠦᠯᠬᠦ ᠠᠷᠭ᠎ᠠ ᠮᠠᠶ᠋ᠢᠭ ᠢ ᠵᠢᠭᠠᠨ᠎ᠠ᠃ | ᠨᠢᠭᠡ ᠪᠣᠭᠤᠮᠳᠠ ᠬᠤᠶᠠᠷ ᠪᠠᠶᠢᠴᠠᠭᠠᠬᠤ ᠥᠷᠳᠡᠭᠡ : ᠪᠣᠭᠤᠮᠳᠠ᠂ ᠬᠢᠯᠢ ᠶᠢᠨ ᠬᠠᠮᠠᠭᠠᠯᠠᠯᠳᠠ ᠶᠢᠨ ᠪᠠᠶᠢᠴᠠᠭᠠᠬᠤ | ᠥᠷᠳᠡᠭᠡ᠂ ᠬᠢᠵᠢᠭ ᠰᠢᠯᠭᠠᠨ ᠪᠠᠶᠢᠴᠠᠭᠠᠬᠤ ᠥᠷᠳᠡᠭᠡ | ᠨᠢᠭᠡ ᠡᠮᠣᠨ᠎ᠡ ᠨᠢᠭᠡ ᠬᠤᠶᠢᠨ᠎ᠠ ᠨᠢᠬᠡ ᠭᠤᠣᠯ : ᠨᠢᠭᠡ ᠡᠮᠣᠨ᠎ᠡ ᠬᠡᠳᠡᠭ ᠨᠢ ᠴᠣᠭᠳᠣᠬᠥ᠋ᠷᠢᠶᠡ ᠰᠣᠮᠣᠨ ᠤ | ᠣᠯᠠᠮᠵᠢᠯᠠᠯᠳᠣ ᠮᠣᠩᠭᠤᠯ ᠡᠮᠨᠡᠯᠬᠡ ᠶᠢᠨ ᠣᠬᠢᠶᠠᠯᠭ᠎ᠠ ᠶᠢᠨ ᠡᠮᠴᠢᠯᠡᠭᠡ ᠶᠢ ᠰᠡᠷᠭᠦᠭᠡᠵᠥ᠂ ᠣᠣᠯ ᠤᠨ ᠪᠠᠶᠢᠭᠰᠠᠨ | ᠣᠬᠢᠶᠠᠯᠭ᠎ᠠ ᠶᠢᠨ ᠡᠮᠴᠢᠯᠡᠭᠡᠨ ᠤ ᠲᠠᠰᠤᠭ ᠢ ᠮᠥᠽᠸᠢ ᠪᠣᠯᠭᠠᠨ ᠥᠭᠡᠷᠡᠴᠢᠯᠡᠵᠥ᠂ ᠮᠣᠩᠭᠤᠯ ᠡᠮ ᠡᠮᠨᠡᠯᠬᠡ ᠶᠢᠨ | ᠡᠮᠴᠢᠯᠡᠭᠡᠨ ᠤ ᠲᠠᠰᠤᠭ ᠢ ᠰᠢᠨ᠎ᠡ ᠪᠠᠷ ᠪᠠᠶᠢᠭᠤᠯᠣᠨ᠂ ᠣᠨᠴᠠᠯᠢᠭᠳᠣ ᠡᠮᠴᠢᠯᠡᠭᠡᠨ ᠤ ᠣᠶᠢᠯᠡᠴᠢᠯᠡᠭᠡ ᠶᠢ ᠬᠥᠭᠵᠢᠭᠦᠯᠬᠦ | ᠶᠢ ᠵᠢᠭᠠᠨ᠎ᠠ᠃ ᠨᠢᠭᠡ ᠬᠤᠶᠢᠨ᠎ᠠ ᠬᠡᠳᠡᠭ ᠨᠢ ᠥᠯᠵᠡᠢ ᠰᠣᠮᠣᠨ ᠤ ᠲᠥᠪ ᠡᠷᠡᠭᠦᠯ ᠬᠠᠮᠠᠭᠠᠯᠠᠯ ᠤᠨ ᠬᠤᠷᠢᠶ᠎ᠠ ᠶᠢᠨ | ᠴᠢᠳᠡᠪᠬᠢ ᠶᠢ ᠴᠢᠩᠭᠠᠳᠬᠠᠨ᠂ ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠥᠯᠵᠡᠢ ᠪᠣᠭᠤᠮᠳᠠ ᠪᠠ ᠡᠷᠬᠢᠨ | ᠲᠣᠭᠤᠷᠢᠨ ᠤ ᠰᠣᠮᠣ ᠪᠠᠯᠭᠠᠰᠣ ᠶᠢᠨ ᠪᠠᠴᠢᠮ ᠢ ᠠᠪᠣᠷᠠᠬᠤ ᠲᠥᠪ ᠪᠤᠯᠭᠠᠨ ᠪᠠᠶᠢᠭᠤᠯᠬᠤ ᠶᠢ ᠵᠢᠭᠠᠨ᠎ᠠ᠃ ᠨᠢᠭᠡ ᠭᠤᠣᠯ | ᠬᠡᠳᠡᠭ ᠨᠢ ᠣᠯᠠᠮᠵᠢᠯᠠᠯᠳᠣ ᠮᠣᠩᠭᠤᠯ ᠡᠮ ᠡᠮᠨᠡᠯᠭᠡ᠂ ᠲᠥᠪᠡᠳ ᠡᠮ ᠡᠮᠨᠡᠯᠭᠡ ᠶᠢᠨ ᠮᠡᠷᠭᠡᠵᠢᠯ ᠵᠢᠴᠢ ᠡᠷᠡᠭᠦᠯᠵᠢᠯ ᠤᠨ | ᠲᠣᠰᠬᠠᠶᠢᠵᠢᠭᠰᠠᠨ ᠡᠮᠨᠡᠯᠬᠡ ᠶᠢᠨ ᠮᠡᠷᠭᠡᠵᠢᠯ ᠢ ᠠᠭᠤᠳᠠᠯᠤᠨ ᠰᠡᠷᠭᠦᠭᠡᠵᠤ᠂ ᠬᠤᠯᠠᠳᠡᠬᠢᠨ ᠢ ᠲᠣᠭᠳᠠᠭᠠᠭᠴᠢ ᠬᠤᠷᠢᠶᠠᠨ | ᠤ ᠬᠠᠭᠤᠴᠢᠨ ᠬᠤᠳᠠ ᠳᠤ ᠵᠢᠭᠤᠯᠴᠢᠯᠠᠭᠴᠢᠳ ᠪᠠ ᠲᠣᠭᠤᠷᠢᠨ ᠥᠵᠡᠬᠦ ᠬᠥᠮᠥᠰ ᠲᠤ ᠵᠣᠷᠢᠭᠤᠯᠣᠭᠰᠠᠨ | ᠣᠨᠴᠠᠯᠢᠭᠳᠣ ᠡᠮᠨᠡᠯᠬᠡ ᠶᠢᠨ ᠣᠶᠢᠯᠡᠴᠢᠯᠡᠭᠡ ᠶᠢ ᠪᠠᠶᠢᠭᠤᠯᠵᠣ᠂ ᠭᠠᠵᠠᠷ ᠣᠷᠣᠨ ᠤ ᠣᠨᠴᠠᠯᠢᠭ ᠲᠠᠢ ᠡᠮᠨᠡᠯᠬᠡ | ᠡᠷᠡᠭᠦᠵᠢᠯ ᠤᠨ ᠪᠥᠳᠥᠭᠡᠭᠳᠡᠭᠦᠨ ᠢ ᠬᠠᠩᠭᠠᠬᠤ ᠶᠢ ᠵᠢᠭᠠᠨ᠎ᠠ᠃ | ᠨᠡᠷᠡᠳᠣ ᠡᠮᠴᠢ ᠶᠢᠨ ᠠᠵᠢᠯᠯᠠᠬᠤ ᠲᠠᠰᠤᠭ : ᠨᠡᠷᠡᠳᠣ ᠡᠮᠴᠢ ᠶᠢᠨ ᠠᠵᠢᠯᠯᠠᠬᠤ ᠲᠠᠰᠤᠭ ᠬᠡᠳᠡᠭ ᠨᠢ ᠭᠤᠣᠯᠳᠠᠭᠤ | ᠬᠤᠶᠠᠳᠣᠭᠠᠷ᠂ ᠭᠤᠷᠪᠠᠳᠣᠭᠠᠷ ᠳᠡᠰ ᠤᠨ ᠡᠮᠨᠡᠯᠬᠡ ᠶᠢᠨ ᠬᠤᠷᠢᠶᠠᠨ ᠠᠴᠠ ᠲᠣᠮᠢᠯᠠᠭᠰᠠᠨ ᠲᠣᠷᠰᠢᠯᠭ᠎ᠠ ᠲᠠᠢ᠂ | ᠮᠡᠷᠭᠡᠵᠢᠯ ᠰᠠᠶᠢᠨ᠂ ᠲᠣᠬᠠᠶᠢᠯᠠᠭᠰᠠᠨ ᠠᠵᠢᠯ ᠳᠤ ᠪᠠᠨ ᠭᠠᠷᠮᠠᠭᠠᠢ᠂ ᠡᠮᠴᠢ ᠶᠢᠨ ᠬᠡᠪ ᠰᠣᠷᠳᠠᠯ ᠥᠨᠳᠥᠷ ᠴᠢᠬᠤᠯᠠ | ᠰᠠᠯᠠᠭᠠᠨ ᠤ ᠮᠡᠷᠭᠡᠵᠢᠯᠳᠡᠨ ᠢ ᠨᠡᠶᠢᠬᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠲᠥᠪ᠂ ᠰᠣᠮᠣ ᠪᠠᠯᠭᠠᠰᠣᠨ ᠤ | ᠡᠷᠡᠭᠦᠯ ᠬᠠᠮᠠᠭᠠᠯᠠᠯ ᠤᠨ ᠬᠤᠷᠢᠶ᠎ᠠ ᠳᠤ ᠡᠮᠴᠢᠯᠡᠭᠦᠯᠥᠨ ᠰᠠᠭᠤᠯᠭᠠᠬᠤ ᠡᠮᠴᠢᠯᠡᠭᠡᠨ ᠤ ᠰᠠᠯᠠᠭ᠎ᠠ ᠲᠠᠰᠤᠭ ᠢ ᠬᠡᠯᠡᠨ᠎ᠡ᠃ | ᠶᠢᠨ ᠪᠣᠣ ᠢᠨᠵᠧᠨᠧᠷᠢᠩ : ᠶᠢᠨ ᠪᠣᠣ ᠢᠨᠵᠧᠨᠧᠷᠢᠩ ᠪᠣᠯ ᠲᠡᠷᠢᠭᠦᠨ ᠤ ᠮᠡᠳᠡᠭᠡ ᠵᠠᠩᠬᠢ ᠶᠢᠨ ᠮᠡᠷᠭᠡᠵᠢᠯ ᠢ ᠠᠰᠢᠭᠯᠠᠨ᠂ | ᠲᠥᠪ᠂ ᠮᠣᠵᠢ᠂ ᠬᠤᠳᠠ ᠭᠤᠷᠪᠠᠨ ᠳᠡᠰ ᠤᠨ ᠰᠥᠯᠵᠢᠶ᠎ᠡ ᠲᠣᠣᠷ ᠲᠤ ᠲᠥᠰᠢᠭᠯᠡᠨ᠂ ᠰᠢᠶᠡᠨ᠂ ᠰᠢᠶᠠᠩ ᠵᠡᠷᠭᠡ | ᠥᠨᠳᠥᠰᠥᠨ ᠱᠠᠳᠣᠨ ᠤ ᠪᠠᠶᠢᠭᠤᠯᠭ᠎ᠠ ᠶᠢ ᠪᠠᠭᠳᠠᠭᠠᠵᠣ᠂ ᠬᠥᠳᠡᠯᠮᠥᠷᠢ ᠪᠠ ᠨᠡᠶᠢᠬᠡᠮ ᠤᠨ ᠪᠠᠳᠣᠯᠠᠭᠠᠨ ᠤ | ᠲᠣᠬᠠᠶᠢᠯᠠᠭᠰᠠᠨ ᠠᠵᠢᠯ ᠢ ᠡᠷᠬᠢᠯᠡᠬᠦ᠂ ᠨᠡᠶᠢᠳᠡ ᠶᠢᠨ ᠣᠶᠢᠯᠡᠴᠢᠯᠡᠭᠡ᠂ ᠰᠠᠭᠤᠷᠢ ᠮᠥᠩᠬᠦ ᠶᠢᠨ ᠬᠢᠨᠠᠨ ᠬᠠᠮᠢᠶᠠᠷᠥᠯᠳᠠ | ᠪᠠ ᠬᠤᠷᠸ᠎ᠠ ᠰᠢᠢᠳᠪᠦᠷᠢᠳᠦ ᠪᠤᠳᠤᠯᠭ᠎ᠠ ᠵᠡᠷᠭᠡ ᠭᠤᠣᠯ ᠬᠡᠷᠡᠭᠯᠡᠭᠡᠨ ᠢ ᠳᠡᠮᠵᠢᠵᠣ᠂ ᠪᠥᠬᠦ ᠣᠯᠣᠰ ᠢ ᠪᠥᠷᠭᠦᠭᠰᠡᠨ | ᠬᠥᠳᠡᠯᠮᠥᠷᠢ ᠪᠠ ᠨᠡᠶᠢᠬᠡᠮ ᠤᠨ ᠪᠠᠳᠣᠯᠠᠭᠠᠨ ᠤ ᠡᠯᠧᠺᠲᠷᠣᠨ ᠵᠠᠰᠠᠭ ᠤᠨ ᠶᠠᠪᠣᠳᠠᠯ ᠤᠨ ᠨᠢᠭᠡᠳᠣᠮᠡᠯ ᠢᠨᠵᠧᠨᠧᠷᠢᠩ ᠢ | ᠬᠡᠯᠡᠨ᠎ᠡ᠃ | ᠲᠥᠷᠪᠡᠨ ᠵᠣᠶᠢᠯᠡᠰ ᠨᠢᠭᠡ ᠲᠤᠨᠤᠭ : ᠢᠳᠡᠬᠡᠨ ᠤ ᠵᠣᠶᠢᠯᠡᠰ᠂ ᠡᠮ ᠤᠨ ᠵᠣᠶᠢᠯᠡᠰ᠂ ᠡᠷᠡᠭᠦᠵᠢᠯ ᠤᠨ ᠢᠳᠡᠭᠡᠨ ᠤ | ᠵᠣᠶᠢᠯᠡᠰ᠂ ᠭᠤᠶᠣᠯᠠᠯ ᠤᠨ ᠵᠣᠶᠢᠯᠡᠰ᠂ ᠡᠮᠴᠢᠯᠡᠭᠡᠨ ᠤ ᠮᠠᠰᠢᠨ ᠲᠥᠬᠦᠬᠡᠷᠥᠮᠵᠢ᠃ |