2018 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
ᠥᠩᠭᠡᠷᠡᠭᠰᠡᠨ ᠲᠠᠪᠣᠨ ᠵᠢᠯ ᠤᠨ ᠠᠵᠢᠯ ᠤᠨ ᠡᠷᠭᠢᠴᠡᠭᠦᠯᠦᠯᠥᠩᠭᠡᠷᠡᠭᠰᠡᠨ ᠲᠠᠪᠣᠨ ᠵᠢᠯ ᠪᠣᠯ ᠠᠯᠠᠱᠠ ᠵᠡᠭᠦᠨ ᠬᠤᠰᠢᠭᠤᠨ ᠤ ᠬᠥᠭᠵᠢᠯᠳᠡ ᠶᠢᠨ ᠠᠬᠢᠴᠠ ᠳᠤᠮᠳᠠᠬᠢ ᠲᠦᠢᠯ ᠤᠨ ᠶᠡᠷᠦ ᠪᠣᠰᠣ ᠶᠢᠨ ᠲᠠᠪᠣᠨ ᠵᠢᠯ ᠮᠥᠨ᠃ ᠪᠢᠳᠡ ᠰᠢ ᠶᠢᠨ ᠫᠢᠩ ᠶᠡᠷᠥᠩᠬᠡᠢ ᠱᠦᠵᠢ ᠪᠠᠷ ᠭᠤᠣᠯ ᠪᠣᠯᠭᠠᠭᠰᠠᠨ ᠨᠠᠮ  ᠤᠨ ᠲᠦᠪ ᠬᠤᠷᠢᠶᠠᠨ ᠤ ᠲᠤᠭᠤᠷᠢᠨ ᠳᠤ ᠨᠢᠭᠳᠠᠷᠠᠨ ᠪᠥᠯᠬᠦᠮᠳᠡᠵᠣ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠣᠳᠣᠷᠢᠳᠣᠯᠭ᠎ᠠ ᠲᠣᠣᠷ᠎ᠠ᠂ ᠬᠤᠰᠢᠭᠤᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠵᠢᠴᠢ ᠠᠷᠠᠳ ᠤᠨ ᠪᠠᠶᠢᠩᠭᠤ ᠶᠢᠨ ᠬᠤᠷᠢᠶ᠎ᠠ᠂ ᠣᠯᠣᠰ ᠲᠦᠷᠦ ᠶᠢᠨ ᠵᠥᠪᠯᠡᠯᠭᠡᠨ ᠤ ᠬᠢᠨᠠᠯᠳᠡ ᠲᠡᠮᠵᠢᠯᠭᠡ ᠲᠣᠣᠷ᠎ᠠ᠂ ᠪᠦᠬᠦ ᠬᠤᠰᠢᠭᠤᠨ ᠤ ᠦᠨᠳᠦᠰᠦᠳᠡᠨ ᠨᠦᠭᠦᠳ ᠤᠨ ᠺᠠᠳ᠋ᠷ ᠣᠯᠠᠨ ᠲᠦᠮᠡᠨ ᠢ ᠲᠠᠶᠢᠴᠢᠯᠠᠵᠣ᠂ ᠲᠣᠭᠳᠠᠭᠤᠨ ᠢ ᠪᠠᠳᠤᠯᠠᠭᠰᠠᠨ ᠰᠠᠭᠤᠷᠢᠨ ᠳᠡᠬᠡᠷ᠎ᠡ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠵᠠᠷᠴᠢᠮ ᠢ ᠪᠠᠷᠢᠮᠳᠠᠯᠠᠵᠤ᠂ ᠬᠥᠭᠵᠢᠯᠳᠡ ᠶᠢᠨ ᠰᠢᠨ᠎ᠡ ᠦᠵᠡᠯᠳᠡ ᠶᠢ ᠪᠤᠢ ᠪᠣᠯᠭᠠᠨ ᠲᠤᠤᠱᠯᠠᠭᠤᠯᠵᠦ᠂ ᠠᠵᠣ ᠠᠬᠤᠢ ᠶᠢᠨ ᠬᠥᠭᠵᠢᠯᠳᠡ ᠶᠢᠨ ᠰᠢᠨ᠎ᠠ ᠬᠡᠪ ᠪᠠᠶᠢᠳᠠᠯ ᠳᠤ ᠢᠳᠡᠪᠬᠢᠲᠠᠢ ᠵᠤᠬᠢᠴᠠᠨ᠂ ᠰᠡᠳᠬᠢᠯ ᠢᠶᠠᠨ ᠨᠢᠬᠡᠳᠬᠡᠨ ᠬᠦᠴᠦ ᠪᠠᠨ ᠨᠢᠭᠳᠠᠷᠠᠭᠤᠯᠵᠤ᠂ ᠬᠦᠴᠢᠷ ᠪᠡᠷᠬᠡᠰᠢᠶᠠᠯ ᠢ ᠢᠯᠠᠨ ᠳᠠᠪᠠᠵᠤ᠂ ᠬᠠᠳᠠᠭᠤ ᠰᠢᠯᠭᠠᠯᠳᠡ ᠶᠢᠨ ᠲᠣᠮᠳᠡ ᠡᠷᠡᠯᠭᠡᠭᠯᠡᠨ ᠣᠷᠣᠭᠰᠢᠯᠠᠵᠣ᠂ ᠠᠷᠪᠠᠨ ᠲᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠪᠠ ︿ᠠᠷᠪᠠᠨ ᠬᠤᠶᠠᠳᠦᠭᠠᠷ ᠲᠠᠪᠤᠨ ᠵᠢᠯ ᠤᠨ ᠲᠥᠯᠥᠪᠵᠢᠭᠦᠯᠭᠡ﹀ ᠶᠢᠨ ᠬᠠᠷᠠᠯᠳᠡ ᠡᠭᠦᠷᠭᠡ ᠪᠠᠨ ᠠᠮᠵᠢᠯᠳᠠᠳᠠᠢ ᠪᠡᠶᠡᠯᠡᠭᠦᠯᠵᠣ᠂ ︿ᠠᠷᠪᠠᠨ ᠭᠤᠷᠪᠠᠳᠣᠭᠠᠷ ᠲᠠᠪᠣᠨ ᠵᠢᠯ﹀ ᠤᠨ ᠲᠥᠯᠦᠪᠵᠢᠭᠦᠯᠭᠡ ᠶᠢ ᠣᠷᠣᠭᠰᠢᠲᠠᠢ ᠬᠡᠷᠡᠭᠵᠢᠬᠦᠯᠦᠨ᠂ ᠪᠦᠬᠦ ᠬᠤᠰᠢᠭᠤᠨ ᠤ ᠡᠯ᠎ᠡ ᠲᠥᠷᠥᠯ ᠤᠨ ᠠᠵᠢᠯ ᠦᠢᠯᠡᠰ ᠰᠢᠨ᠎ᠡ ᠠᠮᠵᠢᠯᠲᠠ ᠰᠢᠨ᠎ᠡ ᠠᠬᠢᠴᠠ ᠲᠠᠢ ᠪᠣᠯᠪᠠ᠃ᠨᠢᠭᠡ᠂ ᠪᠠᠯᠡ ᠣᠷᠣᠭᠤᠯᠣᠯᠳᠡ ᠶᠢ ᠨᠡᠮᠡᠭᠳᠡᠭᠦᠯᠵᠣ᠂ ᠰᠠᠭᠤᠷᠢ ᠪᠠᠨ ᠪᠠᠬᠢᠵᠢᠭᠦᠯᠬᠦ ᠶᠢ ᠪᠠᠷᠢᠮᠲᠠᠯᠠᠨ᠂ ᠠᠵᠣ ᠠᠬᠤᠢ  ᠶᠢᠨ ᠬᠦᠭᠵᠢᠯᠳᠡ ᠲᠤᠭᠳᠠᠭᠤᠨ ᠤ ᠲᠣᠮᠳᠡ ᠠᠬᠢᠴᠠ ᠲᠠᠢ ᠪᠤᠯᠪᠠᠠᠵᠣ ᠠᠬᠤᠢ ᠶᠢᠨ ᠦᠷᠭᠦᠯᠵᠢᠯᠡᠨ ᠣᠷᠣᠭᠤᠳᠠᠵᠣ ᠪᠠᠶᠢᠭ᠎ᠠ ᠲᠠᠷᠣᠭᠠᠰᠣ ᠶᠢᠨ ᠡᠮᠣᠨ᠎ᠡ᠂ ᠪᠡᠯᠡ ᠣᠷᠣᠭᠤᠯᠣᠯᠳᠡ ᠪᠠᠷ ︽ᠳᠤᠲᠠᠮᠠᠭ ᠢᠶᠠᠨ ᠨᠥᠬᠦᠪᠦᠷᠢᠯᠡᠨ᠂ ᠰᠠᠭᠤᠷᠢ ᠪᠠᠨ ᠪᠠᠬᠢᠵᠢᠭᠦᠯᠵᠣ᠂ ᠬᠥᠭᠵᠢᠯᠲᠡ ᠪᠠᠨ ᠠᠬᠢᠭᠤᠯᠤᠨ᠂ ᠠᠷᠠᠳ ᠤᠨ ᠠᠮᠢᠳᠣᠷᠠᠯ ᠢ ᠬᠠᠷᠠᠭᠠᠯᠵᠠᠬᠤ︾ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢᠶᠠᠨ ᠬᠦᠢᠴᠡᠳ ᠪᠠᠳᠠᠷᠠᠭᠤᠯᠵᠣ᠂ ᠪᠡᠯᠡ ᠣᠷᠣᠭᠤᠯᠵᠤ᠂ ᠪᠡᠯᠡ ᠬᠤᠷᠠᠮᠳᠤᠭᠤᠯᠬᠤ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠳᠦᠰᠦᠪ ᠤᠨ ᠪᠡᠯᠡ ᠣᠷᠤᠭᠤᠯᠤᠯᠲᠠ ᠶᠢ ᠴᠢᠷᠮᠠᠶᠢᠨ ᠣᠯᠵᠤ᠂ ᠣᠯᠠᠨ ᠠᠷᠭ᠎ᠠ ᠵᠠᠮ ᠢᠶᠠᠷ 681 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠵᠣ᠂ 363 ᠭᠤᠤᠯᠳᠠᠯᠭᠠᠳᠤ ᠲᠦᠷᠦᠯ ᠵᠦᠢᠯ ᠢ ᠬᠡᠷᠡᠭᠵᠢᠬᠦᠯᠦᠨ᠂ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ᠂ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ᠂ ᠬᠤᠳᠠ ᠶᠢᠨ ᠴᠢᠳᠠᠮᠵᠢ  ᠶᠢ ᠰᠠᠶᠢᠵᠢᠷᠠᠭᠤᠯᠬᠤ ᠵᠡᠷᠭᠡ 270 ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠠᠭᠤᠰᠬᠠᠵᠤ᠂ ᠪᠦᠬᠦ ᠬᠤᠰᠢᠭᠤᠨ ᠤ ᠠᠵᠤ ᠠᠬᠤᠢ ᠶᠢ ᠳᠠᠶᠢᠴᠢᠯᠠᠨ᠂ ᠰᠢᠨ᠎ᠡ ᠬᠡᠪ ᠪᠠᠶᠢᠳᠠᠯ ᠤᠨ ᠰᠢᠨ᠎ᠡ ᠬᠥᠭᠵᠢᠯᠲᠡ ᠶᠢ ᠪᠡᠶᠡᠯᠡᠭᠦᠯᠪᠡ᠃ ᠵᠢᠱᠢᠯᠲᠡ ᠪᠠᠷ 2017 ᠣᠨ ᠳᠤ ᠪᠦᠬᠦ ᠬᠤᠰᠢᠭᠤᠨ ᠤ ᠣᠷᠣᠨ ᠨᠣᠳᠤᠭ ᠤᠨ ᠦᠢᠯᠡᠳᠪᠦᠷᠢᠯᠡᠯ ᠤᠨ ᠶᠡᠷᠥᠩᠭᠡᠢ ᠦᠷᠳᠡᠭ ᠨᠢ 2012 ᠣᠨ ᠤ 96.2 ᠳ᠋ᠥᠩᠰᠢᠭᠤᠷ ᠲᠥᠭᠦᠷᠢᠭ ᠠᠴᠠ ᠨᠡᠮᠡᠭᠳᠡᠬᠡᠳ 128.9 ᠳ᠋ᠥᠩᠰᠢᠭᠤᠷ ᠲᠥᠭᠦᠷᠢᠭ ᠪᠣᠯᠵᠣ᠂ ᠵᠢᠯ ᠳᠤᠮᠳᠠᠴᠢ ᠪᠠᠷ 9.1% ᠪᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠳᠠᠮᠠᠯ ᠬᠥᠷᠥᠩᠭᠡ ᠶᠢᠨ ᠪᠡᠯᠡ ᠣᠷᠣᠭᠤᠯᠣᠯᠳᠡ ᠨᠢ 2012 ᠣᠨ ᠤ 58.4 ᠳ᠋ᠥᠩᠰᠢᠭᠤᠷ ᠲᠥᠭᠦᠷᠢᠭ ᠠᠴᠠ ᠨᠡᠮᠡᠭᠳᠡᠭᠡᠳ 165 ᠳ᠋ᠥᠩᠰᠢᠭᠤᠷ ᠲᠥᠭᠦᠷᠢᠭ ᠪᠣᠯᠵᠣ᠂ ᠵᠢᠯ ᠳᠤᠮᠳᠠᠴᠢ ᠪᠠᠷ 22.5% ᠪᠠᠷ ᠨᠡᠮᠡᠭᠳᠡᠪᠡ︔ ᠡᠩ ᠤᠨ ᠨᠠᠶᠢᠳᠡ ᠶᠢᠨ ᠡᠳ᠋ ᠤᠨ ᠵᠠᠰᠠᠭ ᠤᠨ ᠲᠦᠰᠦᠪ ᠤᠨ ᠣᠷᠣᠯᠭ᠎ᠠ ᠨᠢ 2012 ᠣᠨ ᠤ 7.6 ᠳ᠋ᠥᠩᠰᠢᠭᠤᠷ ᠲᠥᠭᠦᠷᠢᠭ ᠠᠴᠠ ᠳᠤᠷᠤᠭᠰᠢᠯᠠᠭᠠᠳ 5.5 ᠳ᠋ᠥᠩᠰᠢᠭᠤᠷ ᠲᠥᠭᠦᠷᠢᠭ ᠪᠣᠯᠵᠤ᠂ ᠵᠢᠯ ᠳᠤᠮᠳᠠᠴᠢ ᠪᠠᠷ 6.1% ᠪᠠᠷ ᠳᠣᠷᠣᠭᠰᠢᠯᠠᠪᠠ︔ ᠬᠤᠳᠠ ᠪᠠᠯᠭᠠᠰᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠭᠡᠭᠰᠡᠨ ᠡᠵᠡᠮᠳᠡᠵᠣ ᠪᠣᠯᠬᠤ ᠣᠷᠣᠯᠭ᠎ᠠ ᠨᠢ 2012 ᠣᠨ ᠤ 24301.1 ᠲᠦᠭᠦᠷᠢᠭ ᠠᠴᠠ ᠨᠡᠮᠡᠭᠳᠡᠬᠡᠳ 37264 ᠲᠦᠭᠦᠷᠢᠭ ᠪᠣᠯᠵᠣ᠂ ᠵᠢᠯ ᠳᠤᠮᠳᠠᠴᠢ ᠪᠠᠷ 8.9% ᠪᠠᠷ ᠨᠡᠮᠡᠭᠳᠡᠪᠡ︔ ᠮᠠᠯᠵᠢᠬᠤ ᠲᠠᠷᠢᠶᠠᠯᠠᠬᠤ ᠣᠷᠣᠨ  ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠣ ᠪᠣᠯᠬᠤ ᠣᠷᠣᠯᠭ᠎ᠠ 2012 ᠣᠨ ᠤ 9836 ᠲᠥᠭᠦᠷᠢᠭ ᠠᠴᠠ ᠨᠡᠮᠡᠭᠳᠡᠬᠡᠳ 17309 ᠲᠥᠭᠦᠷᠢᠭ ᠪᠣᠯᠵᠣ᠂ ᠵᠢᠯ ᠳᠤᠮᠳᠠᠴᠢ ᠪᠠᠷ 11.9 % ᠪᠠᠷ ᠨᠡᠮᠡᠭᠳᠡᠪᠡ︔ ᠨᠠᠶᠢᠭᠡᠮ ᠤᠨ ᠭᠡᠷᠡᠭᠯᠡᠭᠡᠨ ᠤ ᠵᠦᠢᠯᠡᠰ ᠤᠨ ᠵᠢᠵᠢᠭᠯᠡᠨ ᠪᠣᠷᠣᠯᠠᠭᠤᠯᠬᠤ ᠶᠡᠷᠥᠩᠭᠡᠢ ᠦᠷᠳᠡᠭ ᠨᠢ 2012 ᠣᠨ ᠤ 32.5 ᠳ᠋ᠥᠩᠰᠢᠭᠤᠷ ᠲᠥᠭᠦᠷᠢᠭ ᠠᠴᠠ 51.7 ᠳ᠋ᠥᠩᠰᠢᠭᠤᠷ ᠲᠥᠭᠦᠷᠢᠭ ᠪᠣᠯᠵᠣ᠂ ᠵᠢᠯ ᠳᠤᠮᠳᠠᠴᠢ ᠪᠠᠷ 10.2 % ᠪᠠᠷ ᠨᠡᠮᠡᠭᠳᠡᠪᠡ᠃  ᠭᠤᠷᠪᠠᠨ ᠠᠵᠤ ᠦᠢᠯᠡᠰ ᠤᠨ ᠪᠦᠲᠦᠴᠠ ᠨᠢ 2012 ᠣᠨ ᠤ 6.0᠄ 64.2᠄ 29.8 ᠪᠠᠶᠢᠭᠰᠠᠨ ᠠᠴᠠ 5.9 58.8 35.3 ᠪᠤᠯᠵᠤ ᠳᠤᠬᠢᠷᠠᠭᠤᠯᠤᠭᠳᠠᠪᠠ᠃  ᠬᠤᠶᠠᠷ᠂ ᠬᠡᠯᠪᠡᠷᠢ ᠪᠠᠨ ᠬᠤᠪᠢᠷᠠᠭᠤᠯᠤᠨ᠂ ᠪᠦᠲᠦᠴᠡ ᠪᠠᠨ ᠲᠣᠬᠢᠷᠠᠭᠤᠯᠬᠤ ᠳᠤ ᠬᠦᠴᠦ ᠲᠠᠯᠪᠢᠵᠤ᠂ ᠴᠢᠨᠠᠷ ᠤᠨ ᠦᠷ᠎ᠡ ᠠᠰᠢᠭ ᠢ ᠲᠠᠰᠤᠷᠠᠯᠲᠠ ᠦᠭᠡᠢ ᠲᠡᠭᠡᠭᠰᠢᠯᠡᠭᠦᠯᠪᠠ ︵ᠨᠢᠬᠡ︶ ᠲᠠᠷᠢᠶᠠᠯᠠᠩ ᠮᠠᠯ ᠠᠵᠣ ᠠᠬᠤᠢ ᠶᠢᠨ ᠦᠢᠯᠡᠳᠪᠦᠷᠢᠯᠡᠯ ᠤᠨ ᠬᠡᠯᠪᠡᠷᠢ ᠶᠢ ᠤᠯᠠᠮ ᠨᠢᠬᠡ ᠠᠯᠬᠤᠮ ᠦᠭᠡᠷᠡᠴᠢᠯᠡᠪᠠ᠃ ᠦᠨᠳᠦᠷ ᠠᠰᠢᠭᠯᠠᠮᠵᠢᠲᠣ ᠣᠰᠣᠨ ᠳᠤ ᠭᠠᠮᠲᠠᠢ ᠲᠠᠷᠢᠶᠠᠯᠠᠩ ᠢ ᠶᠡᠬᠡᠪᠡᠷ ᠬᠦᠭᠵᠢᠭᠦᠯᠵᠣ᠂ ᠲᠠᠷᠢᠮᠠᠯ  ᠤᠨ ᠶᠡᠷᠥᠩᠭᠡᠢ ᠲᠠᠯᠠᠪᠠᠢ ᠶᠢ 28 ᠲᠦᠮᠡᠨ ᠮᠣ᠋ ᠲᠣᠲᠣᠷ᠎ᠡ ᠳᠤᠭᠳᠠᠪᠤᠷᠢᠵᠢᠭᠤᠯᠤᠨ᠂ ᠢᠯᠭᠠᠨ ᠳᠤᠭᠳᠠᠭᠠᠭᠰᠠᠨ ᠦᠨᠳᠦᠰᠦᠨ ᠳᠠᠷᠢᠶᠠᠨ ᠭᠠᠵᠠᠷ 24.4 ᠳᠦᠮᠡᠨ ᠮᠤ᠋ ᠪᠠᠶᠢᠵᠤ᠂ 11 ᠲᠦᠮᠡᠨ ᠮᠦ ᠭᠠᠵᠠᠷ ᠰᠢᠷᠤᠢ ᠶᠢ ᠵᠠᠰᠠᠨ ᠴᠡᠭᠴᠡᠯᠡᠪᠡ᠃ ᠣᠷᠭᠠᠨᠢᠭ ᠪᠤᠭᠤᠲᠠᠢ᠂ ᠰᠢᠯᠢᠳᠡᠭ ᠵᠢᠮᠢᠰ ᠤᠨ ᠣᠢ᠂ ᠰᠢᠯᠢᠳᠡᠭ ᠪᠤᠷᠳᠤᠭᠤᠷ ᠤᠨ ᠡᠪᠡᠰᠦ ᠵᠡᠷᠭᠡ ᠳᠠᠷᠢᠮᠠᠯ ᠤᠨ ᠳᠠᠯᠠᠪᠠᠢ ᠶᠢ ᠳᠠᠰᠤᠷᠠᠯᠳᠠ ᠦᠬᠡᠢ ᠥᠷᠭᠡᠳᠬᠡᠵᠦ᠂ ᠳᠠᠷᠢᠮᠠᠯ ᠤᠨ ᠦᠢᠯᠡᠰ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠬᠦᠯᠪᠡ᠃ ᠭᠡᠷ ᠪᠦᠯᠢ ᠶᠢᠨ ᠡᠵᠡᠩᠨᠡᠯᠲᠡ ᠶᠢᠨ ᠠᠵᠤ ᠠᠬᠤᠢ᠂ ᠰᠡᠯᠡᠭᠦᠴᠡᠨ ᠲᠡᠭᠦᠬᠦ ᠵᠡᠷᠭᠡ ᠪᠡᠶ᠎ᠡ ᠪᠠᠷ ᠢᠶᠠᠨ ᠤᠷᠤᠯᠴᠠᠵᠤ ᠵᠢᠭᠤᠯᠴᠢᠯᠠᠬᠤ ᠮᠠᠶ᠋ᠢᠭ ᠤᠨ ᠲᠠᠷᠢᠶᠠᠯᠠᠩ ᠮᠠᠯ ᠠᠵᠤ ᠠᠬᠤᠢ ᠶᠢᠨ ᠦᠢᠯᠡᠰ ᠦᠳᠲᠡᠷ ᠲᠦᠷᠭᠡᠨ ᠬᠥᠭᠵᠢᠪᠡ᠃ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠴᠢᠩᠭ᠎ᠠ ᠳᠦᠷᠢᠮ ᠢ ᠬᠡᠷᠡᠭᠵᠢᠭᠦᠯᠵᠦ᠂ ᠪᠠᠷᠠᠭᠤᠨ ᠪᠡᠯ ᠪᠠᠯᠭᠠᠰᠤᠨ ᠳᠤ ᠪᠦᠬᠦ ᠣᠷᠣᠨ ᠤ ᠠᠩᠬᠠᠳᠠᠭᠴᠢ ᠬᠤᠳᠳᠤᠭ ᠤᠨ ᠣᠰᠣᠨ ᠤ ᠡᠬᠢ ᠪᠠᠶᠠᠯᠢᠭ ᠤᠨ ᠡᠷᠬᠡ ᠶᠢ ᠠᠷᠠᠯᠵᠢᠶᠠᠯᠠᠬᠤ ᠲᠥᠪ ᠢ ᠪᠠᠶᠢᠭᠤᠯᠤᠨ᠂ 2.6 ᠲᠦᠮᠡᠨ ᠮᠣ᠋ ᠭᠠᠵᠠᠷ ᠳᠣᠣᠷ᠎ᠠ ᠤᠰᠤᠨ ᠬᠤᠭᠤᠯᠠᠢ ᠳᠠᠷᠤᠬᠤ ᠶᠢ ᠪᠡᠶᠡᠯᠡᠬᠦᠯᠵᠤ᠂ ᠦᠨᠳᠦᠷ ᠠᠰᠢᠭᠯᠠᠮᠵᠢᠲᠣ ᠣᠰᠣᠨ ᠳᠤ ᠭᠠᠮᠲᠠᠢ ᠣᠰᠣᠯᠠᠯᠳᠡ ᠶᠢᠨ ᠲᠠᠯᠠᠪᠠᠢ  ᠨᠢ 18.4 ᠲᠦᠮᠡᠨ ᠮᠤ᠋ ᠳᠤ ᠬᠦᠷᠴᠦ᠂ ᠭᠠᠵᠠᠷ ᠲᠣᠣᠷᠠᠬᠢ ᠣᠰᠣᠨ ᠤ ᠬᠡᠲᠣ ᠳᠠᠳᠠᠪᠤᠷᠢᠯᠠᠯᠳᠠ ᠶᠢ ᠴᠡᠭᠴᠡᠯᠡᠭᠰᠡᠨ ᠦᠷ᠎ᠡ ᠪᠦᠲᠦᠮᠵᠢ ᠢᠯᠡᠷᠬᠡᠢ ᠪᠤᠯᠤᠭᠰᠠᠨ ᠪᠠᠶᠢᠨ᠎ᠠ᠃ ᠣᠨᠴᠠᠯᠢᠭᠲᠤ ᠲᠠᠷᠢᠶᠠᠯᠠᠩ ᠮᠠᠯ ᠠᠵᠣ ᠠᠬᠤᠢ ᠶᠢᠨ ᠬᠡᠪᠴᠢᠶ᠎ᠠ  ᠶᠢ ᠲᠠᠰᠤᠷᠠᠯᠲᠠ ᠦᠭᠡᠢ ᠦᠷᠭᠡᠳᠭᠡᠪᠠ᠃ ᠮᠧᠩ ᠷᠦᠩ ᠠᠮᠢ ᠠᠬᠤᠢ ᠶᠢᠨ ᠰᠢᠨᠵᠢᠯᠡᠭᠡ ᠮᠡᠷᠬᠡᠵᠢᠯ ᠤᠨ ᠠᠵᠤ ᠦᠢᠯᠡᠰ ᠤᠨ ᠬᠦᠷᠢᠶᠡᠯᠡᠩ᠂ ᠰᠢᠶᠣᠣ ᠮᠢᠩ ᠵᠠᠭᠤᠨ ᠲᠦᠮᠡᠨ ᠦᠷᠡᠵᠢᠯ ᠤᠨ ᠲᠠᠬᠢᠶᠠᠨ ᠲᠠᠯᠠᠪᠠᠢ ᠵᠡᠷᠭᠡ ᠠᠵᠤ ᠦᠢᠯᠡᠰᠵᠢᠭᠰᠡᠨ ᠲᠥᠷᠥᠯ ᠵᠦᠢᠯ ᠢ ᠤᠷᠢᠵᠤ ᠣᠷᠣᠭᠤᠯᠪᠠ᠃ ᠮᠥᠩᠭᠦᠨ ᠲᠠᠯ᠎ᠠ ᠵᠡᠷᠭᠡ 6 ᠲᠤᠰᠬᠠᠶᠢᠵᠢᠭᠰᠠᠨ ︽ᠠ ᠳ᠋ᠦ᠋︾ ᠠᠯᠠᠰᠢᠨ ᠬᠤᠨᠢ ᠶᠢᠨ ᠵᠢᠱᠢᠶ᠎ᠡ ᠦᠵᠡᠭᠦᠯᠬᠦ ᠣᠷᠣᠨ᠂ 4 ᠰᠠᠭᠤᠷᠢ ᠣᠳᠣᠬᠢᠴᠢᠯᠠᠭᠰᠠᠨ ᠲᠣᠮᠣ ᠬᠡᠯᠪᠡᠷᠢ ᠶᠢᠨ ᠮᠠᠯᠵᠢᠯ ᠤᠨ ᠲᠠᠯᠠᠪᠤᠷ᠂ ᠱᠤᠸᠠᠩ ᠹᠧᠩ᠂ ᠬᠤᠤ ᠽᠧ 2  ᠪᠠᠷᠢᠮᠵᠢᠶᠠᠵᠢᠭᠰᠠᠨ ᠠᠯᠠᠰᠢᠨ ᠦᠬᠡᠷ ᠦᠷᠡᠵᠢᠭᠦᠯᠵᠦ ᠲᠡᠵᠢᠭᠡᠬᠦ ᠰᠠᠭᠤᠷᠢᠨ ᠭᠠᠵᠠᠷ ᠪᠠᠶᠢᠭᠤᠯᠵᠤ᠂ ᠡᠷᠳᠡᠨᠢ ᠰᠢᠰᠢ ᠶᠢᠨ ᠰᠦᠷᠡᠯ᠂ ᠰᠢᠯᠢᠳᠡᠭ ᠴᠠᠷᠭᠠᠰᠦ ᠶᠢᠨ ᠳᠠᠷᠢᠮᠠᠯ ᠢ 5 ᠲᠦᠮᠡᠨ ᠮᠦ ᠳᠠᠶᠢᠴᠢᠯᠠᠨ ᠳᠠᠷᠢᠪᠠ᠃ ᠨᠣᠣᠯᠤᠷ ᠤᠨ ᠴᠠᠭᠠᠨ ᠢᠮᠠᠭ᠎ᠠ ᠶᠢ ᠦᠷᠡᠵᠢᠭᠦᠯᠬᠦ ᠭᠤᠣᠯ ᠰᠦᠷᠦᠭ ᠢ 22 ᠰᠦᠷᠦᠭ᠂ ︽1450︾  ︽1396︾ ᠲᠥᠷᠥᠯ ᠤᠨ ᠨᠣᠣᠯᠤᠷ ᠤᠨ ᠴᠠᠭᠠᠨ ᠢᠮᠠᠭ᠎ᠠ ᠶᠢ ᠬᠠᠰᠢᠶᠠᠯᠠᠨ ᠲᠡᠵᠢᠭᠡᠵᠦ ᠪᠠᠶᠢᠭ᠎ᠠ ᠬᠡᠮᠵᠢᠶ᠎ᠡ ᠲᠤᠰ ᠪᠦᠷᠢ 36% ᠪᠣᠯᠣᠨ 16% ᠳᠤ ᠬᠦᠷᠴᠡᠢ᠃ ᠢᠩᠭᠡᠨ ᠲᠡᠮᠡᠭᠡ ᠦᠷᠡᠵᠢᠭᠦᠯᠵᠦ ᠥᠰᠬᠡᠬᠦ  3 ᠰᠠᠭᠤᠷᠢᠨ ᠭᠠᠵᠠᠷ᠂ 38 ᠵᠢᠱᠢᠶ᠎ᠡ ᠦᠵᠡᠭᠦᠯᠬᠦ ᠡᠷᠦᠬᠡ ᠶᠢ ᠪᠦᠲᠦᠭᠡᠨ ᠪᠠᠶᠢᠭᠤᠯᠪᠠ᠃ ᠮᠠᠯ ᠤᠨ ᠶᠡᠷᠦᠩᠬᠡᠢ ᠲᠤᠭ᠎ᠠ ᠲᠣᠯᠣᠭᠠᠢ ᠶᠢ 124 ᠲᠦᠮᠡᠨ ᠲᠤᠭ᠎ᠠ ᠲᠣᠯᠣᠭᠠᠢ ᠳᠤ ᠲᠣᠭᠲᠠᠪᠤᠷᠢᠵᠢᠭᠤᠯᠪᠠ᠃ ᠲᠣᠯᠣᠭᠠᠶᠢᠯᠠᠭᠴᠢ ᠠᠵᠤ ᠠᠬᠤᠶᠢᠯᠠᠯ᠂ ᠲᠤᠰᠬᠠᠶᠢᠵᠢᠭᠰᠠᠨ ᠬᠤᠷᠰᠢᠶᠠᠵᠢᠯ᠂ ᠭᠡᠷ ᠪᠦᠯᠢ ᠶᠢᠨ ᠮᠠᠯᠵᠢᠬᠤ ᠲᠠᠷᠢᠶᠠᠯᠠᠬᠤ ᠲᠠᠯᠠᠪᠤᠷ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠣᠯ ᠴᠣᠭᠴᠠ ᠶᠢ ᠶᠡᠭᠡ ᠬᠡᠮᠵᠢᠶ᠎ᠡ ᠪᠠᠷ ᠳᠡᠮᠵᠢᠨ᠂ ᠲᠠᠷᠢᠶᠠᠨ ᠭᠠᠵᠠᠷ ᠪᠠ ᠡᠪᠡᠰᠦ ᠪᠡᠯᠴᠢᠬᠡᠷ ᠢ 92.3 ᠲᠦᠮᠡᠨ ᠮᠦ ᠡᠵᠡᠩᠨᠡᠯᠳᠡ ᠶᠢᠨ ᠡᠷᠬᠡ ᠶᠢ ᠨᠢ ᠰᠢᠯᠵᠢᠬᠦᠯᠬᠦ ᠪᠤᠶᠤ ᠨᠠᠶᠢᠳᠠᠨ ᠬᠠᠮᠢᠶᠠᠷᠤᠭᠤᠯᠵᠤ᠂ ᠪᠠᠷᠤᠭ 2 ᠲᠦᠮᠡᠨ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠪᠡ᠃ ᠬᠤᠶᠠᠳᠠᠭᠢ ᠡᠭᠡᠯᠵᠢ ᠶᠢᠨ ᠨᠤᠲᠤᠭ ᠪᠡᠯᠴᠢᠭᠡᠷ ᠤᠨ ᠱᠠᠩᠨᠠᠨ ᠨᠦᠬᠦᠪᠦᠷᠢᠯᠡᠬᠦ ᠲᠥᠷᠥ ᠶᠢᠨ ᠪᠣᠳᠣᠯᠭ᠎ᠠ ᠶᠢ ᠠᠮᠵᠢᠯᠲᠠᠲᠠᠢ ᠬᠡᠷᠡᠭᠵᠢᠭᠦᠯᠵᠦ᠂ ᠱᠠᠩᠨᠠᠨ ᠨᠦᠬᠦᠪᠦᠷᠢᠯᠡᠬᠦ ᠪᠠᠷᠢᠮᠵᠢᠶ᠎ᠠ ᠶᠢ ᠳᠤᠮᠳᠠᠴᠢ ᠪᠠᠷ ᠬᠥᠮᠥᠨ ᠪᠦᠷᠢ ᠳᠤ 2000 ᠲᠥᠭᠦᠷᠢᠭ ᠨᠡᠮᠡᠭᠳᠡᠭᠦᠯᠵᠡᠢ᠃ 23.6 ᠲᠦᠮᠡᠨ ᠮᠦ ᠪᠠ 7099.3 ᠲᠦᠮᠡᠨ ᠮᠦ ᠭᠠᠵᠠᠷ ᠰᠢᠷᠣᠢ᠂ ᠨᠤᠲᠤᠭ ᠪᠡᠯᠴᠢᠭᠡᠷ ᠤᠨ ᠡᠷᠬᠡ ᠶᠢ ᠳᠤᠳᠤᠳᠬᠠᠬᠤ ᠶᠢ ᠪᠡᠶᠡᠯᠡᠭᠦᠯᠪᠡ᠃ ᠬᠠᠮᠲᠤᠷᠠᠭᠰᠠᠨ ᠬᠤᠷᠰᠢᠶᠠᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠢᠴᠡᠳ ᠠᠬᠢᠭᠤᠯᠪᠠ᠃ ᠲᠠᠷᠢᠶᠠᠯᠠᠩ ᠤᠨ ᠡᠳ᠋ ᠪᠠᠷᠠᠭ᠎ᠠ ᠶᠢ ᠲᠣᠬᠢᠷᠠᠭᠤᠯᠤᠨ ᠬᠦᠷᠭᠡᠬᠦ ᠲᠥᠪ ᠢ ᠪᠠᠶᠢᠭᠤᠯᠵᠤ᠂ ᠠᠯᠠᠱᠠ ᠠᠶᠢᠮᠠᠭ ᠤᠨ ᠲᠠᠷᠢᠶᠠᠯᠠᠩ ᠤᠨ ᠪᠦᠲᠦᠭᠡᠭᠳᠡᠬᠦᠨ ᠤ ︽ᠢᠨᠲ᠋ᠧᠷᠨᠧᠲ ᠬᠤᠷᠰᠢᠶ᠎ᠠ︾ ᠪᠠᠶᠢᠭᠤᠯᠵᠤ᠂ ᠦᠢᠯᠡᠳᠪᠦᠷᠢᠯᠡᠵᠦ ᠪᠣᠷᠣᠯᠠᠭᠤᠯᠬᠤ ᠶᠢ ᠠᠪᠴᠠᠯᠳᠤᠭᠤᠯᠤᠨ ᠠᠬᠢᠭᠤᠯᠤᠨ᠎ᠠ᠃ ︵ᠬᠤᠶᠠᠷ︶ ᠡᠯᠡᠰᠦᠨ ᠤ ᠠᠵᠤ ᠦᠢᠯᠡᠰ ᠤᠨ ᠬᠥᠭᠵᠢᠯᠲᠡ ᠰᠢᠨ᠎ᠡ ᠰᠢᠪᠲᠤᠯᠤᠯᠲᠠ ᠲᠠᠢ ᠪᠣᠯᠪᠠ᠃ ᠴᠠᠭᠠᠨ ᠭᠤᠶᠣᠣ᠂ ᠤᠯᠠᠭᠠᠨ ᠭᠤᠶᠣᠣ ᠶᠢᠨ ᠰᠠᠭᠤᠷᠢᠨ ᠭᠠᠵᠠᠷ ᠢ ᠢᠳᠡᠪᠬᠢᠲᠡᠢ ᠪᠠᠷ ᠪᠠᠶᠢᠭᠤᠯᠬᠤ ᠶᠢ ᠠᠬᠢᠭᠤᠯᠵᠤ᠂ ᠴᠠᠭᠠᠨ ᠭᠤᠶᠣᠣ 29.7 ᠲᠦᠮᠡᠨ ᠮᠦ᠂ ᠤᠯᠠᠭᠠᠨ ᠭᠤᠶᠣᠣ 14.4 ᠲᠦᠮᠡᠨ ᠮᠦ ᠳᠠᠷᠢᠪᠠ᠃ ᠡᠯᠡᠰᠦᠨ ᠤ ᠠᠵᠤ ᠦᠢᠯᠡᠰ ᠤᠨ ᠡᠷᠡᠭᠦᠯ ᠮᠡᠨᠳᠦ ᠶᠢᠨ ᠰᠢᠨᠵᠢᠯᠡᠭᠡ ᠲᠧᠭᠨᠢᠭ ᠤᠨ ᠠᠳᠠᠯ ᠦᠢᠯᠡᠰ ᠪᠣᠰᠬᠠᠬᠤ ᠨᠢᠭᠡᠳᠦᠭᠡᠷ ᠬᠦᠷᠢᠶᠡᠯᠡᠩ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠯᠠᠪᠳᠠᠭᠤᠨ ᠠᠬᠢᠵᠤ᠂ ᠬᠤᠶᠠᠳᠤᠭᠠᠷ ᠬᠦᠷᠢᠶᠡᠯᠡᠩ ᠤᠨ ᠲᠥᠯᠥᠪᠵᠢᠭᠦᠯᠭᠡ ᠶᠢ ᠨᠠᠶᠢᠷᠠᠭᠤᠯᠤᠨ ᠳᠠᠭᠤᠰᠬᠠᠵᠤ᠂ ᠡᠯᠡᠰᠦᠨ ᠤ ᠠᠵᠤ ᠦᠢᠯᠡᠰ ᠤᠨ ᠶᠡᠷᠦᠩᠬᠡᠶᠢᠯᠡᠭᠰᠡᠨ ᠰᠤᠳᠤᠯᠭᠠᠨ ᠤ ᠲᠥᠪ ᠪᠠᠶᠢᠭᠤᠯᠤᠭᠳᠠᠨ ᠠᠰᠢᠭᠯᠠᠯᠲᠠ ᠳᠤ ᠣᠷᠣᠪᠠ᠃ ᠡᠯᠡᠰᠦᠨ ᠤ ᠤᠷᠭᠤᠮᠠᠯ ᠤᠨ ᠡᠬᠢ ᠰᠤᠷᠪᠤᠯᠵᠢ ᠶᠢᠨ ᠠᠺᠠᠳᠧᠮᠢᠴᠢ ᠮᠡᠷᠭᠡᠵᠢᠯᠲᠡᠨ ᠤ ᠠᠵᠢᠯ ᠤᠨ ᠥᠷᠳᠡᠭᠡ ᠶᠢ ᠪᠠᠶᠢᠭᠤᠯᠵᠤ᠂ ᠰᠢᠨᠵᠢᠯᠡᠭᠡ ᠰᠤᠳᠤᠯᠭᠠᠨ ᠤ ᠪᠠᠶᠢᠭᠤᠯᠤᠮᠵᠢ ᠪᠣᠯᠣᠨ ᠠᠵᠤ ᠠᠬᠤᠶᠢᠯᠠᠯ ᠤᠨ ᠰᠢᠨᠵᠢᠯᠡᠭᠡ ᠲᠧᠭᠨᠢᠭ ᠤᠨ ᠰᠤᠳᠤᠯᠤᠨ ᠨᠡᠬᠡᠬᠡᠬᠦ ᠲᠥᠪ ᠢ 16 ᠰᠠᠤᠷᠢ ᠪᠤᠯᠭᠠᠨ ᠪᠠᠶᠢᠭᠤᠯᠪᠠ᠃ ᠦᠢᠯᠡᠳᠬᠦ᠂ ᠰᠤᠳᠤᠯᠬᠤ᠂ ᠰᠢᠨᠵᠢᠯᠡᠬᠦ ᠶᠢ ᠬᠠᠮᠲᠤᠳᠬᠠᠭᠰᠠᠨ ᠬᠢᠷᠢ ᠲᠦᠪᠰᠢᠨ ᠦᠷᠭᠦᠯᠵᠢᠯᠡᠨ ᠳᠡᠭᠡᠭᠰᠢᠯᠡᠵᠦ᠂ ᠰᠤᠳᠤᠯᠵᠤ ᠭᠠᠷᠭᠠᠭᠰᠠᠨ ᠪᠦᠲᠦᠭᠡᠭᠳᠡᠬᠦᠨ 57 ᠵᠦᠢᠯ᠂ ᠲᠤᠰᠬᠠᠢ ᠮᠡᠷᠭᠡᠵᠢᠯ ᠤᠨ ᠪᠦᠲᠦᠭᠡᠭᠳᠡᠬᠦᠨ 28 ᠳᠤ ᠬᠦᠷᠴᠡᠢ᠃ ︽ᠡᠯᠡᠰᠦᠨ ᠤ ᠠᠵᠤ ᠦᠢᠯᠡᠰ ᠲᠤ ᠪᠡᠯᠡ ᠤᠷᠤᠭᠤᠯᠵᠤ ᠬᠦᠭᠵᠢᠬᠦᠯᠬᠦ ᠬᠠᠷᠠᠭᠠᠯᠵᠠᠯᠲᠦ ᠲᠥᠷᠥ ᠶᠢᠨ ᠪᠣᠳᠣᠯᠭ᠎ᠠ︾ ᠶᠢ ᠲᠣᠭᠲᠠᠭᠠᠵᠤ᠂ 2017 ᠣᠨ ᠤ ᠠᠩᠬᠠᠳᠤᠭᠠᠷ ᠤᠳᠠᠭᠠᠨ ᠤ ᠪᠦᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠴᠦ ᠠᠳᠠᠯ ᠪᠣᠰᠬᠠᠬᠤ ᠤᠷᠤᠯᠳᠤᠭᠠᠨ ᠢ ᠠᠮᠵᠢᠯᠲᠠᠲᠠᠢ ᠪᠠᠷ ᠥᠷᠨᠢᠭᠦᠯᠵᠦ᠂ 15 ᠲᠥᠷᠥᠯ ᠤᠨ ᠬᠠᠮᠲᠤᠷᠠᠨ ᠠᠵᠢᠯᠯᠠᠬᠤ ᠭᠡᠷ᠎ᠡ ᠳᠤ ᠭᠠᠷ ᠤᠨ ᠦᠰᠦᠭ ᠵᠢᠷᠤᠵᠤ ᠂ ᠡᠯᠡᠰᠦᠨ ᠤ ᠠᠵᠤ ᠦᠢᠯᠡᠰ ᠤᠨ ᠥᠨᠳᠥᠷ ᠲᠦᠪᠰᠢᠨ ᠳᠤ ᠬᠡᠪᠴᠢᠶᠡᠵᠢᠨ ᠬᠥᠭᠵᠢᠬᠦ ᠶᠢ ᠠᠬᠢᠭᠤᠯᠪᠠ᠃ ︵ᠭᠤᠷᠪᠠ︶ ᠠᠵᠤ ᠦᠢᠯᠡᠳᠪᠦᠷᠢ ᠶᠢᠨ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠲᠦᠷᠭᠡᠳᠪᠡ᠃ ᠬᠡᠪᠴᠢᠶᠠᠨ ᠠᠴᠠ ᠳᠡᠭᠡᠭᠰᠢᠬᠢ ᠠᠵᠣ ᠦᠢᠯᠡᠳᠪᠦᠷᠢ ᠶᠢᠨ ᠠᠵᠣ ᠠᠬᠤᠶᠢᠯᠠᠯ ᠤᠨ ᠵᠢᠱᠢᠭᠰᠡᠨ ᠨᠡᠮᠡᠯᠲᠡ ᠦᠷᠳᠡᠭ ᠢ ᠨᠠᠶᠢᠳᠡ 346 ᠳ᠋ᠥᠩᠰᠢᠭᠤᠷ ᠲᠦᠭᠦᠷᠢᠭ ᠪᠡᠶᠡᠯᠡᠭᠦᠯᠵᠣ᠂ ᠵᠢᠯ ᠳᠤᠮᠳᠠᠴᠢ ᠪᠠᠷ 10.1% ᠨᠡᠮᠡᠭᠳᠡᠵᠦ᠂ ᠡᠳ᠋ ᠤᠨ ᠵᠠᠰᠠᠭ ᠲᠤ ᠦᠵᠡᠭᠦᠯᠦᠭᠰᠡᠨ ᠨᠡᠮᠡᠷᠢ ᠶᠢᠨ ᠨᠤᠷᠮ᠎ᠠ ᠨᠢ 70% ᠳᠤ ᠬᠦᠷᠪᠠ᠃ ᠴᠢᠩ ᠬᠤᠸᠠ ᠪᠠᠢ ᠯᠢᠩ ᠤᠨ 180 ᠲᠦᠮᠡᠨ ᠲᠤᠨ ᠨᠡᠭᠦᠷᠡᠰᠦᠨ ᠠᠭᠤᠷᠬᠠᠢ᠂ ᠪᠠᠶᠠᠨᠬᠤᠳᠠ ᠶᠢᠨ ᠢᠯᠴᠢ ᠴᠠᠬᠢᠯᠭᠠᠨ ᠢ ᠵᠡᠷᠬᠡᠪᠡᠷ ᠭᠠᠷᠭᠠᠬᠤ᠂ ᠰᠥᠩ ᠲᠠ ᠱᠦᠢᠨᠢ ᠵᠡᠷᠭᠡ 42 ᠲᠦᠷᠦᠯ ᠵᠦᠢᠯ ᠢ ᠠᠰᠢᠭᠯᠠᠯᠳᠡ ᠳᠤ ᠣᠷᠣᠭᠤᠯᠪᠠ᠃ ᠲᠠᠢ ᠰᠢ᠂ ᠨᠢᠩ ᠹᠠ ᠶᠢᠨ ︽ᠬᠤᠳᠳᠤᠭ ᠤᠨ ᠠᠭᠤᠷᠬᠠᠢ ᠶᠢ ᠵᠠᠳᠠᠭᠠᠢ ᠠᠭᠤᠷᠬᠠᠢ ᠪᠣᠯᠭᠠᠬᠤ︾ ᠲᠦᠷᠥᠯ ᠵᠦᠢᠯ ᠢ ᠡᠮᠬᠢ ᠵᠢᠷᠣᠮ ᠲᠠᠢ ᠠᠬᠢᠭᠤᠯᠪᠠ᠃ ᠪᠣᠷᠵᠢᠨ ᠴᠢᠯᠠᠭᠤᠨ ᠤ ᠮᠠᠲ᠋ᠧᠷᠢᠶᠠᠯ ᠢ ᠪᠣᠯᠪᠠᠰᠤᠷᠠᠭᠤᠯᠬᠤ ᠦᠢᠯᠡᠰ ᠤᠨ ᠬᠥᠭᠵᠢᠯᠲᠡ ᠶᠢ ᠡᠷᠴᠢᠮᠵᠢᠭᠦᠯᠵᠦ ᠬᠡᠪᠴᠢᠶᠡᠵᠢᠭᠦᠯᠦᠨ᠂ ᠬᠠᠪᠳᠠᠰᠤᠯᠢᠭ ᠮᠠᠲ᠋ᠧᠷᠢᠶᠠᠯ ᠢ ᠪᠣᠯᠪᠠᠰᠣᠷᠠᠭᠤᠯᠬᠤ ᠴᠢᠳᠠᠪᠦᠷᠢ ᠨᠢ 2500 ᠲᠦᠮᠡᠨ ᠲᠡᠭᠰᠢ ᠲᠦᠷᠪᠡᠯᠵᠢᠨ ᠮᠧᠲᠷ ᠠᠴᠠ ᠳᠡᠭᠡᠭᠰᠢ ᠳᠤ ᠬᠦᠷᠪᠠ᠃ ᠰᠢᠨ᠎ᠠ ᠡᠨᠧᠷᠬᠢ ᠶᠢᠨ ᠰᠣᠷᠪᠣᠯᠵᠢ ᠶᠢᠨ ᠠᠵᠣ ᠦᠢᠯᠡᠰ ᠲᠦᠷᠭᠡᠨ ᠬᠦᠭᠵᠢᠵᠣ᠂ 3 ᠰᠠᠯᠬᠢᠨ ᠬᠦᠴᠦ ᠪᠠᠷ ᠴᠠᠬᠢᠯᠭᠠᠨ ᠭᠠᠷᠭᠠᠬᠤ ᠥᠷᠲᠡᠭᠡ᠂ 7 ᠭᠡᠷᠡᠯ ᠴᠠᠬᠢᠯᠭᠠᠨ ᠭᠠᠷᠭᠠᠬᠤ ᠥᠷᠲᠡᠭᠡ ᠪᠠᠶᠢᠭᠤᠯᠵᠤ᠂ ᠴᠠᠬᠢᠯᠭᠠᠨ ᠭᠠᠷᠭᠠᠬᠤ ᠮᠠᠰᠢᠨ ᠤ ᠬᠡᠮᠵᠢᠶ᠎ᠡ ᠨᠢ 87.8 ᠲᠦᠮᠡᠨ ᠺᠢᠯᠦᠸᠠᠲ ᠲᠤ ᠬᠦᠷᠴᠤ᠂ ᠠᠯᠠᠱᠠ ᠠᠶᠢᠮᠠᠭ ᠲᠤ ᠨᠢᠭᠡᠳᠦᠭᠡᠷ ᠲᠤ ᠵᠢᠭᠰᠠᠭᠠᠭᠳᠠᠪᠠ᠃ ᠠᠵᠣ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠢ 51 ᠰᠦᠢᠳᠬᠡᠯ ᠬᠤᠷᠢᠶᠠᠬᠤ ᠵᠦᠢᠯᠡᠰ ᠢ ᠦᠭᠡᠶᠢᠰᠭᠡᠵᠣ᠂  ᠠᠵᠣ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠳᠡᠭ ᠢ ᠨᠠᠶᠢᠳᠡ 6103 ᠲᠦᠮᠡᠨ ᠲᠦᠭᠦᠷᠢᠭ ᠢᠶᠠᠷ ᠪᠠᠭᠤᠷᠠᠭᠤᠯᠪᠠ᠃ ᠬᠠᠶᠢᠵᠤ ᠲᠣᠳᠣᠯᠠᠭᠰᠠᠨ ᠪᠠᠯ ᠴᠢᠯᠠᠭᠤᠨ ᠤ ᠡᠬᠢ ᠪᠠᠶᠠᠯᠢᠭ ᠤᠨ ᠨᠥᠭᠡᠴᠡ 1.3 ᠳ᠋ᠦᠩᠰᠢᠭᠤᠷ ᠲᠣᠨ᠂ ᠠᠯᠲᠠᠨ ᠤ ᠡᠬᠢ ᠪᠠᠶᠠᠯᠢᠭ ᠤᠨ ᠨᠥᠭᠡᠴᠡ 75 ᠲᠣᠨ᠂ ᠰᠢᠨ᠎ᠡ ᠪᠠᠷ ᠲᠣᠳᠣᠯᠠᠭᠰᠠᠨ ᠲᠡᠮᠦᠷ ᠤᠨ ᠠᠭᠤᠷᠬᠠᠢ ᠶᠢᠨ ᠡᠬᠢ ᠪᠠᠶᠠᠯᠢᠭ ᠤᠨ ᠨᠥᠭᠡᠴᠡ 2.7 ᠳ᠋ᠦᠩᠰᠢᠭᠤᠷ ᠲᠣᠨ ᠳᠤ ᠬᠦᠷᠴᠤ᠂ ᠡᠬᠢ ᠪᠠᠶᠠᠯᠢᠭ ᠤᠨ ᠬᠠᠩᠭᠠᠯᠲᠠ ᠶᠢᠨ ᠴᠢᠳᠠᠪᠤᠷᠢ ᠮᠡᠳᠡᠭᠳᠡᠮ᠎ᠡ ᠳᠡᠭᠡᠭᠰᠢᠯᠡᠵᠡᠢ᠃ ︵ᠳᠦᠷᠪᠡ︶ ᠣᠳᠣᠬᠢᠴᠢᠯᠠᠭᠰᠠᠨ ᠦᠢᠯᠡᠴᠢᠯᠡᠭᠡᠨ ᠤ ᠦᠢᠯᠡᠰ ᠤᠨ ᠬᠥᠭᠵᠢᠯᠳᠡ ᠶᠢᠨ ᠬᠠᠨᠳᠤᠰᠢ ᠡᠷᠴᠢᠮᠳᠡᠢ ᠪᠤᠯᠪᠠ ᠃ ᠣᠯᠠᠨ ᠣᠯᠣᠰ ᠤᠨ ᠵᠢᠭᠤᠯᠴᠢᠯᠠᠯ ᠤᠨ ᠬᠠᠷᠠᠯᠲᠠᠲᠦ ᠣᠷᠣᠨ ᠤ ᠪᠦᠲᠦᠭᠡᠨ ᠪᠠᠶᠢᠭᠤᠯᠣᠯᠳᠡ ᠶᠢᠨ ᠠᠯᠬᠤᠴᠠ ᠶᠢ ᠲᠦᠷᠭᠡᠳᠭᠡᠪᠠ᠃ 55.6 ᠳ᠋ᠥᠩᠰᠢᠭᠤᠷ ᠪᠠᠯᠠ ᠣᠷᠣᠭᠤᠯᠵᠣ᠂ ᠬᠤᠯᠠᠳᠠᠬᠢᠨ ᠢ ᠲᠣᠭᠳᠠᠭᠠᠭᠴᠢ ᠬᠤᠷᠢᠶ᠎ᠠ  ᠂ ᠪᠣᠶᠠᠨ  ᠢ ᠦᠨᠳᠦᠰᠦᠯᠡᠭᠴᠢ ᠰᠦᠮ᠎ᠡ᠂ ᠡᠯᠡᠰᠦ ᠮᠠᠩᠬᠠᠨ ᠤ ᠬᠠᠴᠢᠨ ᠴᠢᠯᠠᠭᠤᠨ ᠤ ᠰᠣᠶᠣᠯ ᠤᠨ ᠠᠵᠣ ᠦᠢᠯᠡᠰ ᠤᠨ ᠬᠦᠷᠢᠶᠠᠯᠠᠩ ᠵᠡᠷᠭᠡ 8 ᠵᠢᠭᠤᠯᠴᠢᠯᠠᠯ ᠤᠨ ᠣᠷᠣᠨ ᠳᠤ ᠳᠡᠰ ᠲᠡᠪᠰᠢᠭᠦᠯᠬᠦ ᠢᠨᠵᠧᠨᠧᠷᠢᠩ ᠢ ᠬᠡᠷᠡᠭᠵᠢᠭᠦᠯᠵᠣ᠂ ᠳᠤᠯᠤᠭᠠᠨ 4A ᠲᠡᠰ ᠤᠨ ᠵᠢᠭᠤᠯᠴᠢᠯᠠᠯ ᠤᠨ ᠣᠷᠣᠨ᠂ ᠡᠯᠡᠰᠦ ᠮᠠᠩᠬᠠᠨ ᠤ ᠬᠦᠰᠡᠯ ᠵᠡᠭᠦᠳᠣ ᠶᠢᠨ ᠮᠠᠰᠢᠨ ᠲᠡᠷᠭᠡ — ᠠᠭᠠᠷ ᠠᠶᠠᠯᠠᠯ ᠤᠨ ᠰᠣᠶᠣᠯ ᠤᠨ ᠭᠤᠣᠯ ᠰᠡᠳᠣᠪᠲᠣ ᠴᠡᠴᠡᠷᠯᠢᠭ ᠨᠢ ︽ᠤᠯᠤᠰ ᠤᠨ ᠳᠡᠰ ᠤᠨ ᠪᠡᠶ᠎ᠠ ᠲᠠᠮᠢᠷ ᠤᠨ ᠠᠵᠤ ᠦᠢᠯᠡᠰ ᠤᠨ ᠵᠢᠱᠢᠶ᠎ᠠ ᠦᠵᠡᠭᠦᠯᠬᠦ ᠰᠠᠭᠤᠷᠢᠨ ᠭᠠᠵᠠᠷ︾ ᠢᠶᠠᠷ ᠦᠨᠡᠯᠡᠭᠳᠡᠪᠡ᠃ ᠱᠠᠰᠢᠨ ᠢ ᠪᠠᠳᠠᠷᠠᠭᠤᠯᠤᠭᠴᠢ ᠰᠦᠮ᠎ᠡ᠂ ᠪᠣᠶᠠᠨ ᠢ ᠦᠨᠳᠦᠰᠦᠯᠡᠭᠴᠢ ᠰᠦᠮ᠎ᠡ ᠶᠢᠨ ᠵᠢᠭᠤᠯᠴᠢᠯᠠᠯ ᠤᠨ ᠣᠷᠣᠨ ᠤ ᠬᠠᠮᠢᠶᠠᠷᠤᠯᠲᠠ ᠶᠢᠨ ᠲᠣᠭᠲᠠᠯᠴᠠᠭ᠎ᠠ ᠶᠢ ᠵᠣᠬᠢᠴᠠᠭᠤᠯᠵᠤ᠂ ᠡᠵᠡᠩᠨᠡᠯᠲᠡ ᠶᠢᠨ ᠡᠷᠬᠡ ᠶᠢ ᠤᠯᠤᠰ ᠤᠨ ᠦᠮᠴᠢᠯᠡᠯ ᠤᠨ ᠪᠤᠯᠭᠠᠪᠠ᠃ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠶᠢᠨ ᠪᠡᠶ᠎ᠡ ᠪᠠᠷ ᠢᠶᠠᠨ ᠤᠶᠢᠯᠠᠭᠠᠬᠤ ᠭᠠᠵᠠᠷ᠂ ᠶᠡᠭᠡ ᠰᠤᠷᠭᠠᠭᠤᠯᠢ ᠶᠢᠨ ᠣᠶᠤᠲᠠᠳ ᠤᠨ ᠠᠳᠠᠯ ᠪᠣᠰᠬᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠪᠠᠶᠢᠭᠤᠯᠵᠤ᠂ ᠬᠤᠯᠠᠳᠠᠬᠢᠨ ᠢ ᠲᠣᠭᠳᠠᠭᠠᠭᠴᠢ ᠬᠤᠷᠢᠶ᠎ᠠ ᠶᠢᠨ ᠠᠶᠠᠯᠠᠨ ᠵᠢᠭᠤᠯᠴᠢᠯᠠᠬᠤ ᠶᠡᠷᠦᠩᠬᠡᠢ ᠴᠣᠭᠴᠠ ᠶᠢ ᠪᠠᠶᠢᠭᠤᠯᠵᠤ᠂ ᠬᠠᠭᠤᠴᠢᠨ ᠬᠤᠲᠠ ᠰᠢᠨ᠎ᠡ ᠠᠮᠢᠵᠢᠷᠠᠯ ᠤᠨ ᠬᠦᠴᠦᠨ ᠢᠶᠠᠷ ᠪᠢᠯᠬᠠᠪᠠ᠃ 12 ᠵᠢᠭᠤᠯᠴᠢᠯᠠᠯ ᠤᠨ ᠦᠷᠳᠡᠭᠡ ᠪᠠ 3 ᠵᠣᠷᠪᠣᠰ ᠵᠢᠭᠤᠯᠴᠢᠯᠠᠯ ᠤᠨ ᠲᠣᠭᠤᠷᠢᠯᠳᠡ ᠶᠢᠨ ᠱᠤᠭᠤᠮ ᠢ ᠪᠠᠶᠢᠭᠤᠯᠵᠤ᠂ ᠪᠠᠶᠢᠭᠠᠯᠢᠯᠢᠭ ᠨᠠᠭᠤᠷ ᠴᠥᠭᠦᠷᠥᠮ᠂ ᠠᠶᠠᠨ ᠵᠢᠩ ᠤᠨ ᠵᠠᠮ᠂ ᠬᠡᠭᠡᠷ᠎ᠡ ᠶᠢᠨ ᠪᠠᠷᠳᠠᠭ᠎ᠠ ᠰᠢᠨᠵᠢᠯᠡᠭᠡᠨ ᠤ 3 ᠵᠤᠷᠪᠤᠰ ᠪᠡᠶ᠎ᠡ ᠪᠠᠷ ᠢᠶᠠᠨ ᠤᠶᠢᠯᠠᠭᠠᠬᠤ ᠬᠡᠯᠪᠡᠷᠢ ᠶᠢᠨ ᠵᠢᠭᠤᠯᠴᠢᠯᠠᠯ ᠤᠨ ᠵᠠᠮ ᠢ ᠨᠡᠭᠡᠭᠡᠨ ᠪᠠᠶᠢᠭᠤᠯᠪᠠ᠃ ︽ᠵᠢᠭᠤᠯᠴᠢᠯᠠᠯ +︾ ᠪᠠᠶᠢᠯᠳᠣᠬᠤ ᠪᠣᠳᠣᠯᠭ᠎ᠠ ᠶᠢ ᠬᠦᠴᠦᠯᠡᠨ ᠬᠡᠷᠡᠭᠵᠢᠭᠦᠯᠵᠣ᠂ ᠰᠣᠶᠣᠯ ᠵᠢᠭᠤᠯᠴᠢᠯᠠᠯ ᠢ ᠪᠡᠶ᠎ᠡ ᠲᠠᠮᠢᠷ᠂ ᠡᠷᠡᠭᠦᠯ ᠬᠠᠮᠠᠭᠠᠯᠠᠯ᠂ ᠲᠠᠷᠢᠶᠠᠯᠠᠩ ᠮᠠᠯ ᠠᠵᠣ ᠠᠬᠤᠢ ᠪᠠ ᠣᠢ ᠰᠢᠭᠤᠢ ᠶᠢᠨ ᠦᠢᠯᠡᠰ᠂ ᠶᠠᠳᠠᠭᠤ ᠶᠢ ᠲᠡᠳᠬᠦᠬᠦ ᠵᠡᠷᠭᠡ ᠲᠠᠢ ᠤᠶᠠᠯᠳᠤᠭᠤᠯᠤᠨ ᠬᠥᠭᠵᠢᠭᠦᠯᠵᠣ᠂ ᠪᠦᠬᠦ ᠣᠷᠣᠨ ᠤ ᠰᠡᠯᠡᠭᠦᠴᠡᠯ ᠤᠨ ᠲᠠᠷᠢᠶᠠᠯᠠᠩ ᠮᠠᠯ ᠠᠵᠣ ᠠᠬᠤᠢ ᠪᠠ ᠬᠦᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠠ ᠦᠵᠡᠭᠦᠯᠬᠦ ᠬᠤᠰᠢᠭᠤ ᠪᠠᠷ ᠦᠨᠡᠯᠡᠭᠳᠡᠪᠠ᠃ ︽ᠬᠡᠭᠡᠷᠡᠯᠡᠨ ᠠᠶᠠᠯᠠᠬᠤ e ᠠᠩᠭᠢ︾ ᠶᠢᠨ ᠠᠯᠠᠱᠠ ᠳᠠᠬᠢ ᠪᠠᠭᠠᠲᠤᠷᠴᠤᠳ ᠤᠨ ᠴᠤᠭᠯᠠᠭᠠᠨ᠂ ᠠᠯᠠᠱᠠ ᠶᠢᠨ ᠬᠠᠰ · ᠦᠵᠡᠮᠦᠷᠢ ᠶᠢᠨ ᠴᠢᠯᠠᠭᠤᠨ ᠤ ᠦᠵᠡᠰᠬᠦᠯᠡᠩ᠂ ᠲᠡᠮᠡᠭᠡᠨ ᠰᠤᠶᠤᠯ ᠤᠨ ᠨᠠᠶᠢᠷ ᠵᠡᠷᠭᠡ ᠨᠠᠷᠠᠲᠤ ᠠᠵᠢᠯᠯᠠᠭᠠᠨ ᠤ ᠬᠡᠪᠴᠢᠶ᠎ᠡ ᠪᠠ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠬᠡᠭᠰᠢᠯᠡᠬᠦᠯᠵᠤ᠂ ᠳ᠋ᠠᠺᠠᠷ ᠲᠡᠰᠬᠡᠯ ᠤᠷᠤᠯᠳᠤᠭᠠᠨ᠂ ᠱᠠᠯᠪᠣᠷ ᠪᠦᠬᠡ ᠶᠢᠨ ᠣᠯᠠᠨ ᠣᠯᠣᠰ ᠤᠨ ᠮᠦᠷᠦᠶᠢᠴᠡᠬᠡᠨ᠂ ᠶᠠ ᠱᠠ ᠣᠷᠣᠯᠳᠣᠭᠠᠨ ᠵᠡᠷᠭᠡ ᠤᠯᠠᠨ ᠤᠯᠤᠰ ᠤᠨ ᠴᠢᠨᠠᠷᠲᠠᠢ ᠰᠢᠷᠢᠰ ᠣᠷᠣᠯᠳᠣᠭᠠᠨ ᠤ ᠠᠵᠢᠯᠯᠠᠭ᠎ᠠ ᠶᠢ ᠠᠮᠵᠢᠯᠳᠠᠲᠠᠢ ᠦᠷᠨᠢᠭᠦᠯᠵᠣ᠂ ︽ᠣᠶᠤᠨᠯᠢᠭ ᠵᠢᠭᠤᠯᠴᠢᠯᠠᠯᠲᠤ ᠠᠯᠠᠱᠠ ᠵᠡᠭᠦᠨ ᠬᠤᠰᠢᠭᠤ︾ ᠶᠢᠨ ᠪᠦᠬᠦ ᠬᠦᠷᠢᠶ᠎ᠡ ᠴᠠᠷ᠎ᠠ ᠶᠢᠨ ᠵᠢᠭᠤᠯᠴᠢᠯᠠᠯ ᠤᠨ ᠲᠠᠪᠴᠠᠩ ᠠᠰᠢᠭᠯᠠᠯᠲᠠ ᠳᠤ ᠣᠷᠣᠵᠤ᠂ ︽ᠬᠠᠨ ᠲᠡᠭᠷᠢ ᠶᠢᠨ ᠠᠷᠢᠭᠤᠨ ᠣᠷᠣᠨ᠂ ᠲᠤᠷᠭᠠᠨ ᠵᠠᠮ  ᠤᠨ ᠲᠡᠮᠡᠭᠡᠲᠣ ᠨᠣᠲᠤᠭ︾ ᠤᠨ ᠨᠥᠯᠥᠭᠡᠯᠡᠯ ᠦᠷᠭᠦᠯᠵᠢᠯᠡᠨ ᠶᠡᠬᠡᠰᠪᠡ᠃ ᠨᠠᠶᠢᠳᠡ 1317 ᠲᠦᠮᠡᠨ ᠬᠦᠮᠦᠨ ᠤᠳᠠᠭᠠᠨ ᠤ ᠵᠢᠭᠤᠯᠴᠢᠯᠠᠭᠰᠠᠳ ᠢ ᠬᠦᠯᠢᠶᠠᠨ ᠵᠣᠴᠢᠯᠠᠵᠤ᠂ 118.6 ᠳ᠋ᠥᠩᠰᠢᠭᠤᠷ ᠲᠥᠭᠦᠷᠢᠭ ᠤᠨ ᠵᠢᠭᠤᠯᠴᠢᠯᠠᠯ  ᠤᠨ ᠣᠷᠣᠯᠭ᠎ᠠ ᠢ ᠪᠡᠶᠡᠯᠡᠭᠦᠯᠵᠣ᠂ ᠲᠣᠰ ᠪᠦᠷᠢ ᠦᠩᠭᠡᠷᠡᠭᠰᠡᠨ ᠲᠠᠪᠣᠨ ᠵᠢᠯ ᠤᠨ 2.6 ᠲᠠᠬᠢᠨ ᠪᠠ 4 ᠳᠠᠬᠢᠨ ᠢᠶᠠᠷ ᠨᠡᠮᠡᠭᠳᠡᠪᠡ᠃ ᠡᠯᠧᠺᠲ᠋ᠧᠷᠣᠨ ᠬᠤᠳᠠᠯᠳᠤᠭ᠎ᠠ᠂ ᠸᠢᠴᠠᠲ ᠬᠤᠳᠠᠯᠳᠤᠭ᠎ᠠ᠂ ᠲᠦᠷᠭᠡᠨ ᠰᠢᠤᠳᠠᠨ ᠵᠡᠷᠭᠡ ᠦᠢᠯᠡᠴᠢᠯᠡᠭᠡᠨ ᠤ ᠦᠢᠯᠡᠰ ᠦᠳᠲᠡᠷ ᠲᠦᠷᠭᠡᠨ ᠬᠥᠭᠵᠢᠵᠦ᠂ ᠵᠥᠩ ᠯᠢ ᠪᠦᠲᠦᠭᠡᠯᠴᠢ ᠣᠷᠣᠨ ᠵᠠᠢ ᠨᠢ ᠤᠯᠤᠰ ᠤᠨ ᠳᠡᠰ ᠤᠨ ᠤᠯᠠᠨ ᠳᠦᠮᠡᠨ ᠤ ᠦᠢᠯᠡᠰ ᠪᠤᠰᠬᠠᠬᠤ  ᠣᠷᠣᠨ ᠵᠠᠢ ᠪᠠᠷ ᠦᠨᠡᠯᠡᠭᠳᠡᠵᠦ᠂ ᠬᠤᠣ ᠶᠦᠸᠧ ᠨᠢ ᠥᠪᠡᠷᠲᠡᠭᠡᠨ ᠵᠠᠰᠠᠬᠤ ᠣᠷᠣᠨ ᠤ ᠤᠯᠠᠨ ᠳᠦᠮᠡᠨ ᠤ ᠦᠢᠯᠡᠰ ᠪᠤᠰᠬᠠᠬᠤ ᠣᠷᠣᠨ ᠵᠠᠢ ᠶᠢᠨ ᠲᠤᠷᠰᠢᠯᠲᠠ ᠶᠢᠨ ᠴᠡᠭ ᠢᠶᠠᠷ ᠲᠣᠭᠲᠠᠭᠠᠭᠳᠠᠪᠠ᠃ ᠪᠤᠭᠤᠲᠤ ᠶᠢᠨ ᠬᠤᠳᠠᠯᠳᠤᠭᠠᠨ ᠤ ᠪᠠᠩᠬᠢ᠂ ᠦᠬᠠᠢ ᠪᠠᠩᠬᠢ᠂ ᠬᠠᠲᠣᠨ ᠭᠤᠣᠯ ᠤᠨ ᠬᠥᠳᠡᠭᠡ ᠪᠠᠯᠭᠠᠰᠣᠨ ᠤ ᠪᠠᠩᠭᠢ ᠫᠠᠶᠢᠰᠠ ᠡᠯᠭᠦᠨ ᠪᠠᠶᠢᠭᠤᠯᠣᠭᠳᠠᠵᠣ᠂ ᠪᠠᠭ᠎ᠠ ᠵᠢᠭᠡᠯᠡᠯᠭᠡ ᠶᠢᠨ ᠺᠣᠮᠫᠠᠨᠢ ᠪᠠ ᠪᠡᠯᠡ ᠬᠤᠷᠠᠮᠳᠤᠭᠤᠯᠤᠯ ᠤᠨ ᠴᠢᠨᠠᠷᠲᠠᠢ ᠪᠠᠳᠣᠯᠠᠯᠳᠡ ᠶᠢᠨ ᠪᠠᠶᠢᠭᠤᠯᠣᠮᠵᠢ ᠨᠡᠮᠡᠭᠳᠡᠬᠡᠳ 14 ᠪᠤᠯᠪᠠ᠃ ᠠᠯᠠᠱᠠ ᠶᠢᠨ ᠪᠣᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠦᠪ ᠠᠰᠢᠭᠯᠠᠯᠲᠠ ᠳᠤ ᠣᠷᠣᠪᠠ᠃ ᠲᠣᠮᠳᠡ ᠪᠠᠭ᠎ᠠ ᠠᠵᠣ ᠠᠬᠤᠶᠢᠯᠠᠯ 15780 ᠪᠤᠯᠤᠨ ᠨᠡᠮᠡᠭᠳᠡᠵᠦ᠂ 4.3 ᠲᠦᠮᠡᠨ ᠬᠦᠮᠦᠨ ᠤᠳᠠᠭᠠᠨ ᠤ ᠠᠵᠢᠯ ᠣᠯᠭᠤᠭᠰᠠᠳ ᠢ ᠬᠠᠮᠣᠷᠪᠠ᠃ ᠭᠠᠳᠠᠭᠠᠲᠣ ᠠᠷᠠᠯᠵᠢᠶᠠᠨ ᠤ ᠭᠠᠳᠠᠭᠠᠳᠤ ᠳᠤ ᠭᠠᠷᠭᠠᠭᠰᠠᠨ ᠨᠠᠶᠢᠳᠡ ᠲᠤᠭ᠎ᠠ ᠨᠢ 4437 ᠲᠦᠮᠡᠨ ᠳ᠋ᠣᠯᠯᠠᠷ ᠲᠤ ᠬᠦᠷᠴᠦ᠂ ᠡᠮᠦᠨᠡᠬᠢ ᠲᠠᠪᠣᠨ ᠵᠢᠯ ᠤᠨ 2 ᠲᠠᠬᠢᠨ ᠪᠤᠯᠪᠠ᠃  ᠭᠤᠷᠪᠠ᠂ ᠬᠤᠲᠠ ᠪᠠᠯᠭᠠᠰᠤ ᠪᠠ ᠰᠠᠭᠤᠷᠢ ᠲᠥᠬᠦᠭᠡᠷᠥᠮᠵᠢ ᠶᠢᠨ ᠪᠦᠲᠦᠭᠡᠨ ᠪᠠᠶᠢᠭᠤᠯᠣᠯᠳᠡ ᠶᠢ ᠴᠢᠩᠭᠠᠳᠬᠠᠵᠣ᠂ ᠬᠤᠲᠠ ᠬᠦᠳᠡᠭᠡ ᠶᠢᠨ ᠬᠥᠭᠵᠢᠯᠲᠡ ᠤᠯᠠᠮ ᠵᠣᠬᠢᠴᠠᠩᠭᠤᠢ ᠪᠣᠯᠪᠠ ︵ᠨᠢᠬᠡ︶ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠤᠯᠠᠮ ᠨᠢᠭᠡ ᠠᠯᠬᠤᠮ ᠴᠢᠩᠭᠠᠷᠠᠪᠠ᠃ 56.4 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠪᠠᠶᠠᠨᠬᠤᠳᠠ ᠶᠢᠨ ᠬᠤᠳᠠ ᠶᠢᠨ ᠠᠮᠢ ᠠᠬᠤᠢ ᠶᠢᠨ ᠰᠢᠰᠲ᠋ᠧᠮ᠂ ᠵᠡᠭᠡᠯᠢ ᠶᠢᠨ ᠦᠵᠡᠮᠵᠢ ᠶᠢ ᠦᠬᠡᠷᠡᠴᠢᠯᠡᠨ ᠰᠠᠶᠢᠵᠢᠷᠠᠭᠤᠯᠬᠤ᠂ ᠬᠤᠲᠠ ᠶᠢᠨ ᠦᠩᠬᠡᠨ ᠲᠠᠯ᠎ᠠ ᠶᠢ ᠦᠬᠡᠷᠡᠴᠢᠯᠡᠨ ᠵᠠᠰᠠᠬᠤ᠂ ᠬᠤᠲᠠ ᠶᠢᠨ ᠶᠠᠪᠤᠳᠠᠯ ᠤᠨ ᠵᠠᠮ ᠤᠨ ᠲᠣᠣᠷ ᠤᠨ ᠬᠠᠮᠢᠶᠠᠷᠤᠯᠲᠠ᠂ ᠨᠡᠶᠢᠲᠡ ᠶᠢᠨ ᠲᠥᠬᠦᠭᠡᠷᠦᠮᠵᠢ ᠶᠢ ᠦᠬᠡᠷᠡᠴᠢᠯᠡᠨ ᠰᠢᠨᠡᠳᠬᠡᠬᠦ ᠵᠡᠷᠭᠡ ᠢᠨᠵᠧᠨᠧᠷᠢᠩ ᠢ ᠬᠡᠷᠡᠭᠵᠢᠭᠦᠯᠵᠣ᠂ 15.7 ᠺᠢᠯᠣᠮᠧᠲᠷ ᠬᠤᠳᠠ  ᠶᠢᠨ ᠶᠡᠪᠤᠳᠠᠯ ᠤᠨ ᠵᠠᠮ ᠢ ᠰᠢᠨ᠎ᠡ ᠪᠠᠷ ᠵᠠᠰᠠᠵᠤ᠂ ᠬᠤᠯᠠᠨ ᠤ ᠲᠠᠯ᠎ᠠ᠂ ᠭᠤᠣᠯᠲᠣ ᠪᠣᠷᠣ ᠶᠢᠨ ᠬᠦᠷᠢᠶᠡᠯᠡᠩ᠂  ᠬᠤᠸᠠᠷᠠᠨ ᠤ ᠰᠢᠯᠢ ᠵᠡᠷᠭᠡ 8 ᠠᠮᠢ ᠠᠬᠤᠢ ᠶᠢᠨ ᠭᠤᠣᠯ ᠰᠡᠳᠣᠪᠲᠣ ᠴᠡᠴᠡᠷᠯᠢᠭ ᠢ ᠰᠢᠨ᠎ᠡ ᠪᠠᠷ ᠪᠠᠶᠢᠭᠤᠯᠵᠣ᠂ ᠨᠤᠭᠤᠭᠠᠷᠠᠭᠤᠯᠤᠯᠳᠠ ᠶᠢᠨ ᠳᠠᠯᠠᠪᠠᠢ ᠶᠢ 538 ᠲᠦᠮᠡᠨ ᠲᠡᠭᠰᠢ ᠲᠦᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠬᠤᠳᠠ ᠶᠢᠨ ᠲᠣᠭᠤᠷᠢᠭ ᠲᠠᠬᠢ ᠬᠦᠮᠦᠨ ᠪᠦᠷᠢ ᠳᠤ ᠲᠡᠭᠰᠢᠳᠭᠡᠭᠰᠡᠨ ᠨᠤᠭᠤᠭᠠᠷᠠᠭᠤᠯᠤᠯᠳᠠ ᠶᠢᠨ ᠲᠠᠯᠠᠪᠠᠢ ᠨᠢ 56.7 ᠲᠡᠭᠰᠢ ᠲᠦᠷᠪᠡᠯᠵᠢᠨ ᠮᠧᠲᠷ ᠲᠤ ᠬᠦᠷᠴᠦ᠂ ᠪᠦᠷᠬᠦᠴᠡ ᠶᠢᠨ ᠬᠡᠮᠵᠢᠶ᠎ᠡ 42.1% ᠳᠤ ᠬᠦᠷᠴᠡᠢ᠃ ᠬᠤᠲᠠ ᠶᠢᠨ ᠶᠠᠪᠤᠳᠠᠯ ᠤᠨ ᠬᠤᠭᠤᠯᠠᠢ ᠶᠢᠨ ᠲᠣᠣᠷ ᠢ ᠰᠢᠨ᠎ᠡ ᠪᠠᠷ 89.4 ᠺᠢᠯᠣᠮᠧᠲᠷ ᠨᠡᠮᠡᠭᠳᠡᠭᠦᠯᠵᠦ᠂ ᠢᠯᠴᠢ ᠬᠠᠩᠭᠠᠬᠤ᠂ ᠰᠢᠳᠠᠮᠠᠬᠠᠢ ᠬᠡᠢ ᠬᠠᠩᠭᠠᠬᠤ᠂ ᠣᠰᠣ ᠬᠠᠩᠭᠠᠬᠤ ᠪᠦᠷᠬᠦᠴᠠ ᠨᠢ ᠲᠣᠰ ᠪᠦᠷᠢ 80%᠂ 79.3% ᠪᠠ 99%  ᠪᠠᠷ ᠨᠡᠮᠡᠭᠳᠡᠪᠡ᠃ 23.9 ᠳ᠋ᠥᠩᠰᠢᠭᠤᠷ ᠲᠦᠭᠦᠷᠢᠭ ᠤᠨ ᠪᠡᠯᠡ ᠣᠷᠣᠭᠤᠯᠵᠣ᠂ 145 ᠲᠦᠮᠡᠨ ᠲᠡᠭᠰᠢ ᠲᠦᠷᠪᠡᠯᠵᠢᠨ ᠮᠧᠲᠷ ᠬᠤᠳᠠ ᠶᠢᠨ ᠪᠦᠷᠭᠡ ᠭᠡᠷ ᠤᠨ ᠥᠭᠡᠷᠡᠴᠢᠯᠡᠯᠲᠡ ᠶᠢ ᠬᠡᠷᠡᠭᠵᠢᠭᠦᠯᠵᠣ᠂ 12649 ᠡᠷᠣᠬᠡ ᠠᠶᠢᠯ ᠢ ᠬᠠᠷᠠᠭᠠᠯᠵᠠᠪᠠ᠃ 38 ᠰᠠᠭᠤᠭᠠᠯᠢ ᠠᠷᠠᠳ ᠤᠨ ᠲᠣᠭᠤᠷᠢᠭ ᠤᠨ ᠪᠠᠷᠢᠯᠭ᠎ᠠ ᠶᠢᠨ ᠡᠨᠧᠷᠬᠢ ᠠᠷᠪᠢᠯᠠᠵᠣ ᠦᠭᠡᠷᠡᠴᠢᠯᠡᠨ ᠰᠠᠶᠢᠵᠢᠷᠠᠭᠤᠯᠬᠤ ᠶᠢ ᠪᠡᠶᠡᠯᠡᠭᠦᠯᠵᠦ᠂ 22 ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠪᠠᠷ ᠪᠠᠶᠢᠭᠤᠯᠪᠠ᠃  ︽1+9︾ ᠬᠡᠯᠪᠡᠷᠢ ᠶᠢᠨ ᠬᠤᠳᠠ ᠶᠢᠨ ᠬᠠᠮᠢᠶᠠᠷᠣᠯᠳᠠ ᠶᠢᠨ ᠬᠠᠤᠯᠢ ᠬᠡᠷᠡᠭᠵᠢᠬᠦᠯᠦᠯᠳᠡ ᠶᠢ ᠪᠡᠶᠡᠯᠡᠭᠦᠯᠵᠦ᠂ ᠰᠤᠮᠤ ᠪᠠᠯᠭᠠᠰᠤᠨ ᠳᠤ ᠬᠦᠨᠵᠡᠬᠡᠶᠢᠷᠡᠬᠦᠯᠦᠨ᠂ ᠨᠠᠷᠢᠯᠢᠭᠵᠢᠭᠰᠡᠨ ᠬᠠᠮᠢᠶᠠᠷᠣᠯᠳᠠ ᠶᠢᠨ ᠲᠦᠪᠰᠢᠨ ᠢᠶᠠᠨ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠬᠦᠳᠡᠭᠡᠨ ᠤ ᠶᠡᠷᠥᠩᠭᠡᠶᠢᠯᠡᠭᠰᠡᠨ ᠬᠠᠮᠢᠶᠠᠷᠤᠯᠲᠠ ᠶᠢᠨ ᠪᠦᠬᠦ ᠪᠦᠷᠬᠦᠴᠡ ᠶᠢ ᠦᠨᠳᠦᠰᠦᠨ ᠳᠡᠭᠡᠨ ᠪᠡᠶᠡᠯᠡᠭᠦᠯᠪᠡ᠃ ᠪᠠᠷᠠᠭᠤᠨ ᠪᠡᠯ᠂ ᠣᠨᠳᠣᠷᠣᠯᠲᠣ ᠪᠠᠯᠭᠠᠰᠤ ᠪᠦᠬᠦ ᠣᠷᠣᠨ ᠤ ᠪᠣᠯᠪᠠᠰᠣᠨ ᠲᠣᠰᠬᠤᠨ ᠪᠠᠯᠭᠠᠰᠤ ᠪᠠᠷ ᠦᠨᠡᠯᠡᠭᠳᠡᠵᠣ᠂ ᠵᠢᠷᠠᠲᠠᠢ᠂ ᠣᠯᠠᠨᠪᠣᠯᠠᠭ ᠵᠠᠷᠭᠡ 5 ᠪᠠᠯᠭᠠᠰᠣ ᠪᠦᠬᠦ ᠣᠯᠣᠰ ᠤᠨ ᠭᠤᠣᠯᠳᠠᠯᠭᠠᠲᠤ ᠪᠠᠯᠭᠠᠰᠣ ᠶᠢᠨ ᠡᠩᠨᠡᠭᠡᠨ ᠳᠤ ᠣᠷᠣᠪᠠ᠃ ︽ᠵᠢᠷᠭᠤᠭᠠᠨ ᠬᠤᠲᠠ ᠶᠢ ᠬᠠᠮᠲᠤᠪᠡᠷ ᠴᠣᠭᠴᠠᠯᠠᠬᠤ︾ ᠠᠵᠢᠯ ᠲᠣᠭᠲᠠᠪᠤᠷᠢᠲᠠᠢ ᠶᠠᠪᠤᠭᠳᠠᠵᠤ᠂ ︽ᠤᠯᠤᠰ ᠤᠨ ᠡᠷᠡᠭᠦᠯ ᠬᠠᠮᠠᠭᠠᠯᠠᠯ ᠤᠨ ᠰᠢᠶᠠᠨ ᠤ ᠬᠤᠲᠠ︾᠂ ︽ᠥᠪᠡᠷᠲᠡᠭᠡᠨ ᠵᠠᠰᠠᠬᠤ ᠣᠷᠣᠨ ᠤ ᠴᠡᠴᠡᠷᠯᠢᠭ ᠤᠨ ᠰᠢᠶᠠᠨ ᠤ ᠬᠤᠲᠠ︾ ᠪᠣᠯᠣᠨ ︽ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠰᠠᠭᠤᠷᠢᠰᠢᠬᠤ ᠳᠤ  ᠲᠣᠬᠢᠲᠠᠢ ᠰᠢᠶᠠᠨ ᠤ ᠬᠤᠲᠠ ᠶᠢᠨ ᠵᠢᠱᠢᠶᠡᠴᠢ ᠬᠤᠰᠢᠭᠤ ᠰᠢᠶᠠᠨ︾ ᠤ ᠴᠣᠯᠠ  ᠪᠠᠷ ᠦᠨᠡᠯᠡᠭᠳᠡᠪᠠ᠃ ︵ᠬᠤᠶᠠᠷ︶ ᠨᠠᠶᠢᠳᠡ ᠶᠢᠨ ᠰᠠᠭᠤᠷᠢ ᠲᠥᠬᠦᠭᠡᠷᠦᠮᠵᠢ ᠣᠯᠠᠮ ᠨᠢᠭᠡ ᠠᠯᠬᠤᠮ ᠲᠡᠭᠦᠯᠳᠡᠷᠵᠢᠪᠠ᠃ ᠮᠠᠯᠵᠢᠬᠤ ᠲᠠᠷᠢᠶᠠᠯᠠᠬᠤ ᠣᠷᠣᠨ ᠤ ᠣᠣᠭᠤᠬᠤ ᠣᠰᠣᠨ ᠤ ᠠᠮᠣᠷ ᠲᠦᠪᠰᠢᠨ᠂ ᠳᠤᠮᠳᠠ ᠪᠠᠷᠠᠭᠤᠨ ᠣᠷᠣᠨ ᠤ ᠤᠰᠤᠨ ᠳᠤ ᠭᠠᠮᠲᠠᠢ ᠠᠰᠢᠭᠯᠠᠮᠵᠢ ᠶᠢ ᠨᠡᠮᠡᠭᠳᠡᠭᠦᠯᠬᠦ᠂ ᠠᠶᠤᠯᠳᠠᠢ ᠣᠰᠣᠨ ᠴᠦᠬᠦᠷᠦᠮ ᠢ ᠪᠠᠬᠢᠵᠢᠭᠦᠯᠬᠦ᠂ ᠲᠣᠮᠳᠠ ᠪᠠᠭ᠎ᠠ ᠭᠤᠣᠯ ᠭᠤᠷᠤᠬ᠎ᠠ ᠶᠢᠨ ᠵᠠᠰᠠᠯᠳᠠ ᠵᠡᠷᠭᠡ 58 ᠵᠦᠢᠯ ᠤᠨ ᠤᠰᠤᠨ ᠠᠰᠢᠭᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠣ᠂ ᠦᠯᠵᠠᠢ ᠰᠣᠮᠣᠨ ᠤ ᠤᠰᠤᠨ ᠤ ᠬᠠᠩᠭᠠᠯᠲᠠ᠂ ᠪᠠᠶᠠᠨᠬᠤᠳᠠ ᠵᠢᠴᠢ ᠵᠠᠮ ᠲᠠᠭᠠᠣ ᠰᠣᠮᠣ ᠪᠠᠯᠭᠠᠰᠣᠨ ᠤ ᠣᠣᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠢ ᠪᠠᠶᠢᠭᠤᠯᠪᠠ᠃  ᠪᠡᠭᠡᠵᠢᠩ ᠠᠴᠠ ᠰᠢᠨᠵᠢᠶᠠᠩ ᠬᠦᠷᠬᠦ᠂ ᠵᠠᠩ ᠶᠧ  ᠠᠴᠠ  ᠴᠠᠬᠠᠷ ᠬᠦᠷᠬᠦ᠂ ᠨᠢᠰᠭᠡᠯ ᠤᠨ ᠪᠠᠭᠤᠳᠠᠯ ᠳᠤ ᠬᠦᠷᠬᠦ ᠲᠦᠷᠭᠡᠨ ᠤ ᠵᠠᠰᠠᠮᠠᠯ ᠵᠠᠮ᠂ ᠪᠠᠭᠠᠲᠣᠷᠴᠣᠣᠨ ᠤᠨ ᠴᠤᠭᠯᠠᠭᠠᠨ ᠤ ᠲᠠᠯᠠᠪᠠᠢ ᠬᠦᠷᠬᠦ ᠵᠡᠷᠭᠡ ᠨᠢᠭᠡ ᠪᠦᠯᠦᠭ ᠳᠡᠭᠡᠳᠦ ᠲᠡᠰ ᠤᠨ ᠵᠠᠰᠠᠮᠠᠯ ᠵᠠᠮ ᠳᠤ ᠲᠡᠷᠭᠡ ᠨᠡᠪᠲᠡᠷᠡᠵᠦ᠂ ᠪᠦᠬᠦ ᠬᠤᠰᠢᠭᠤᠨ ᠤ ᠬᠤᠶᠠᠳᠤᠭᠠᠷ ᠳᠡᠰ ᠠᠴᠠ ᠳᠡᠭᠡᠭᠰᠢᠬᠢ ᠵᠠᠰᠠᠮᠠᠯ ᠵᠠᠮ 1626.6 ᠺᠢᠯᠣᠮᠧᠲᠷ ᠲᠤ ᠬᠦᠷᠴᠦ᠂ 1471.3 ᠺᠢᠯᠣᠮᠧᠲᠷ ᠬᠦᠳᠡᠭᠡ ᠲᠣᠰᠬᠤᠨ ᠤ ᠵᠠᠰᠠᠮᠠᠯ ᠵᠠᠮ ᠢ ᠰᠢᠨᠡᠳᠭᠡᠨ ᠵᠠᠰᠠᠵᠤ᠂ ᠣᠯᠠᠨ ᠲᠦᠮᠡᠨ ᠤ ᠵᠠᠮ ᠬᠠᠷᠢᠯᠴᠠᠭᠠᠨ ᠤ ᠨᠥᠬᠦᠴᠡᠯ ᠰᠠᠶᠢᠵᠢᠷᠠᠵᠠᠢ᠃ ᠠᠯᠠᠱᠠ ᠵᠡᠭᠦᠨ ᠬᠤᠰᠢᠭᠤᠨ ᠤ ᠨᠢᠰᠭᠡᠯ ᠤᠨ ᠪᠠᠭᠤᠳᠠᠯ ᠢ ᠪᠠᠶᠢᠭᠤᠯᠤᠨ ᠳᠠᠭᠤᠰᠬᠠᠵᠤ᠂ 11 ᠵᠣᠷᠪᠣᠰ ᠠᠶᠠᠯᠠᠯ ᠤᠨ ᠱᠤᠭᠤᠮ ᠢ ᠨᠡᠪᠲᠡᠷᠡᠭᠦᠯᠵᠣ᠂ ᠮᠠᠨ ᠤ ᠬᠤᠰᠢᠭᠤᠨ ᠤ ᠠᠭᠠᠷ ᠤᠨ ᠠᠶᠠᠯᠠᠯ ᠦᠭᠡᠢ ᠲᠡᠦᠬᠡ ᠶᠢ ᠡᠴᠦᠰᠯᠡᠭᠦᠯᠵᠡᠢ᠃ ᠥᠯᠵᠡᠢ ᠪᠣᠭᠤᠮᠲᠠ ᠶᠢᠨ ᠨᠢᠰᠬᠡᠯ ᠤᠨ ᠪᠠᠭᠤᠳᠠᠯ ᠤᠨ ᠪᠠᠶᠢᠷᠢ ᠶᠢ ᠰᠣᠩᠭᠤᠨ ᠲᠣᠭᠲᠠᠭᠠᠵᠤ᠂ ᠡᠮᠦᠨᠡᠬᠢ ᠬᠤᠭᠤᠴᠠᠭᠠᠨ ᠤ ᠠᠵᠢᠯ ᠢ ᠡᠮᠬᠢ ᠳᠠᠷᠠᠭ᠎ᠠ ᠲᠠᠢ ᠶᠠᠪᠤᠭᠳᠠᠭᠤᠯᠪᠠ᠃ ᠭᠠᠨ ᠲᠠᠩ ᠠᠴᠠ ᠡᠣ ᠸᠧᠢ ᠬᠦᠷᠬᠦ ᠲᠡᠮᠦᠷ ᠵᠠᠮ ᠤᠨ ᠬᠤᠶᠠᠳᠣᠭᠠᠷ ᠱᠣᠭᠤᠮ ᠨᠡᠪᠲᠡᠷᠡᠨ ᠬᠡᠷᠡᠭᠯᠡᠭᠡᠨ ᠳᠤ ᠣᠷᠣᠭᠤᠯᠵᠣ᠂ ᠢᠷᠭᠠᠢ ᠠᠴᠠ ᠪᠠᠶᠠᠨᠬᠤᠳᠠ ᠬᠦᠷᠬᠦ ᠲᠠᠮᠣᠷ ᠵᠠᠮ ᠤᠨ ᠲᠥᠯᠥᠪᠯᠡᠭᠡ ᠪᠠ ᠱᠤᠭᠤᠮ ᠤᠨ ᠬᠠᠶᠢᠨ ᠪᠠᠶᠢᠴᠠᠭᠠᠯᠳᠠ ᠶᠢ ᠪᠡᠶᠡᠯᠡᠭᠦᠯᠪᠡ᠃  1 ᠰᠠᠣᠷᠢ 500 ᠺᠢᠯᠣᠸᠠᠲ᠂ 3 ᠰᠠᠤᠷᠢ 220 ᠺᠢᠯᠣᠸᠠᠲ᠂ 10 ᠰᠠᠣᠷᠢ 110 ᠺᠢᠯᠣᠸᠠᠲ ᠤᠨ ᠬᠦᠴᠦᠳᠠᠯ ᠦᠭᠡᠷᠡᠴᠢᠯᠡᠬᠦ ᠢᠨᠵᠧᠨᠧᠷᠢᠩ ᠢ ᠪᠡᠶᠡᠯᠡᠭᠦᠯᠵᠣ᠂ ᠬᠦᠳᠡᠭᠡ ᠲᠤᠰᠬᠤᠨ ᠳᠤ 2844 ᠺᠢᠯᠣᠮᠧᠲᠷ ᠴᠠᠬᠢᠯᠭᠠᠨ ᠱᠤᠭᠤᠮ  ᠳᠠᠳᠠᠪᠠ᠃ ᠡᠷᠬᠡᠬᠠᠰᠬ᠎ᠠ ᠶᠢᠨ 35 ᠺᠢᠯᠣᠸᠠᠲ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠠᠶᠢᠭᠤᠯᠤᠯᠲᠠ ᠪᠡᠶᠡᠯᠡᠭᠳᠡᠵᠦ᠂ ᠪᠦᠬᠦ ᠬᠤᠰᠢᠭᠤᠨ ᠤ ᠰᠤᠮᠤ ᠪᠠᠯᠭᠠᠰᠤᠨ ᠳᠤ ᠳᠤᠤᠷᠵᠢᠭᠤᠯᠤᠭᠰᠠᠨ ᠦᠨᠳᠦᠷ ᠬᠦᠴᠦᠳᠡᠯᠳᠤ ᠴᠠᠬᠢᠯᠭᠠᠨ ᠨᠡᠪᠲᠡᠷᠡᠭᠦᠯᠬᠦ ᠬᠠᠷᠠᠯᠲᠠ ᠶᠢ ᠪᠡᠶᠡᠯᠡᠭᠦᠯᠪᠡ᠃ ᠰᠢᠯᠵᠢᠮᠡᠯ ᠬᠤᠯᠪᠣᠭᠠᠨ ᠤ ᠴᠢᠮᠡᠭᠡ ᠨᠡᠪᠳᠡᠷᠡᠬᠦᠯᠬᠡ ᠶᠢᠨ ᠲᠥᠬᠦᠭᠡᠷᠦᠮᠵᠢ ᠶᠢ ᠣᠯᠠᠮ ᠨᠢᠭᠡ ᠠᠯᠬᠤᠮ ᠲᠡᠭᠦᠯᠳᠡᠷᠵᠢᠭᠦᠯᠵᠣ᠂ ᠰᠤᠷᠠᠭ ᠵᠠᠩᠭᠢ ᠶᠢᠨ ᠳᠤᠤᠷᠵᠢᠯ ᠢ ᠤᠯᠠᠮ ᠰᠢᠯᠤᠭᠤᠳᠬᠠᠪᠠ᠃ ᠲᠦᠷᠪᠡ᠂ ᠶᠠᠳᠠᠭᠤ ᠠᠴᠠ ᠠᠩᠭᠢᠵᠢᠷᠠᠭᠤᠯᠬᠤ ᠰᠢᠪᠳᠦᠯᠣᠯᠳᠡ ᠶᠢᠨ ᠠᠵᠢᠯ ᠰᠢᠢᠳᠪᠦᠷᠢᠲᠣ ᠴᠢᠨᠠᠷᠲᠠᠢ ᠠᠬᠢᠴᠠ ᠲᠠᠢ ᠪᠣᠯᠵᠣ᠂ ᠦᠵᠡᠰᠭᠦᠯᠡᠩᠲᠣ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠣᠯᠳᠡ ᠶᠢᠨ ᠦᠷ᠎ᠡ ᠠᠰᠢᠭ ᠢᠯᠡᠷᠬᠡᠢ ᠪᠤᠯᠪᠠ ︵ᠨᠢᠬᠡ︶ ᠣᠨᠣᠪᠴᠢᠲᠠᠢ ᠪᠠᠷ ᠶᠠᠳᠠᠭᠤ ᠠᠴᠠ ᠠᠩᠭᠢᠵᠢᠷᠠᠭᠤᠯᠬᠤ ᠶᠢ ᠯᠠᠪᠳᠠᠭᠤᠨ ᠦᠷᠨᠢᠭᠦᠯᠪᠠ᠃ ︽ᠵᠢᠷᠭᠤᠭᠠᠨ ᠣᠨᠣᠪᠴᠢᠲᠠᠢ︾᠂ ︽ᠲᠠᠪᠣᠨ ᠨᠢᠭᠡ ᠪᠦᠯᠦᠭ︾ ᠤᠨ ᠱᠠᠭᠠᠷᠳᠠᠯᠭ᠎ᠠ ᠪᠠ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠳᠡ ᠶᠢᠨ ᠬᠠᠷᠢᠭᠤᠴᠠᠯᠭ᠎ᠠ ᠶᠢᠨ ᠲᠦᠷᠢᠮ ᠢ ᠢᠳᠡᠪᠬᠢᠲᠠᠢ ᠲᠣᠣᠱᠯᠠᠭᠤᠯᠵᠣ᠂ ᠲᠠᠪᠤᠨ ᠱᠠᠲᠤ ᠪᠠᠷ ᠢᠶᠠᠨ ᠬᠤᠯᠪᠤᠭᠠᠯᠠᠨ ᠬᠦᠳᠡᠯᠦᠯᠴᠡᠵᠤ᠂ ᠶᠠᠳᠠᠭᠤ ᠶᠢ ᠲᠡᠳᠬᠦᠬᠦ ᠲᠣᠭᠳᠠᠯᠴᠠᠭ᠎ᠠ ᠶᠢ ᠪᠦᠷᠢᠯᠳᠦᠬᠦᠯᠦᠨ᠂ 116 ᠨᠡᠷᠡᠰ ᠬᠦᠳᠡᠭᠡ ᠲᠣᠰᠬᠤᠨ ᠳᠤ ᠳᠤᠮᠢᠯᠠᠭᠳᠠᠨ ᠰᠠᠭᠤᠭ᠎ᠠ ᠨᠢᠭᠡᠳᠣᠭᠡᠷ ᠱᠦᠵᠢ᠂ 890 ᠨᠡᠷᠡᠰ ᠬᠤᠣᠰᠯᠠᠨ ᠬᠠᠪᠰᠤᠷᠴᠤ ᠶᠠᠳᠠᠭᠤ ᠶᠢ ᠲᠡᠳᠬᠦᠬᠦ ᠬᠠᠷᠢᠭᠤᠴᠠᠭᠴᠢ᠂ ᠨᠢᠭᠡ ᠨᠢ ᠨᠢᠭᠡ ᠶᠢ ᠬᠠᠪᠰᠤᠷᠬᠤ ᠣᠨᠣᠪᠴᠢᠲᠠᠢ ᠲᠡᠳᠬᠦᠬᠦ ᠠᠷᠭ᠎ᠠ ᠶᠢ ᠬᠡᠷᠡᠭᠵᠢᠭᠦᠯᠦᠨ᠎ᠡ᠃ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠶᠡᠭᠡ ᠪᠠᠷ ᠠᠬᠢᠭᠤᠯᠵᠤ᠂ ᠡᠷᠦᠬᠡ ᠪᠣᠯᠭᠠᠨ ᠤ ᠳᠤᠮᠳᠠᠴᠢ ᠣᠷᠣᠯᠭ᠎ᠠ ᠶᠢ 1850 ᠲᠥᠭᠦᠷᠢᠭ ᠨᠡᠮᠡᠭᠳᠡᠭᠦᠯᠵᠦ᠂ 336 ᠡᠷᠦᠬᠡ 851 ᠬᠥᠮᠥᠨ ᠢ ᠲᠣᠬᠢᠷᠠᠮᠵᠢᠲᠠᠢ ᠭᠠᠵᠠᠷ ᠨᠡᠭᠦᠯᠭᠡᠨ ᠲᠥᠪᠬᠢᠨᠡᠭᠦᠯᠵᠦ  ᠂ 4608 ᠬᠥᠮᠥᠨ ᠢ ᠠᠮᠢ ᠠᠬᠤᠢ ᠶᠢᠨ ᠨᠥᠬᠦᠪᠦᠷᠢ ᠪᠠᠷ ᠳᠡᠳᠬᠦᠵᠤ᠂ 46 ᠨᠡᠷᠡᠰ ᠨᠡᠶᠢᠲᠡ ᠶᠢᠨ ᠠᠰᠢᠭᠲᠤ ᠣᠢ ᠶᠢᠨ ᠬᠠᠮᠠᠭᠠᠯᠠᠭᠴᠢ ᠶᠢ ᠲᠣᠬᠢᠷᠠᠭᠤᠯᠪᠠ᠃ 775 ᠶᠠᠳᠠᠭᠤ ᠬᠦᠴᠢᠷᠳᠡᠯᠲᠡᠢ ᠰᠣᠷᠣᠭᠴᠢ ᠶᠢ ᠬᠠᠮᠵᠢᠨ ᠲᠡᠳᠬᠦᠵᠦ᠂ ᠠᠮᠵᠢᠯᠲᠠᠲᠠᠢ ᠪᠠᠷ ᠰᠤᠷᠤᠯᠭ᠎ᠠ ᠪᠠᠨ ᠲᠡᠭᠦᠰᠬᠡᠬᠦ ᠶᠢ ᠪᠠᠲᠤᠯᠠᠪᠠ᠃ ᠬᠦᠨᠳᠦ ᠡᠪᠡᠳᠴᠢᠨ ᠪᠤᠶᠤ ᠡᠭᠦᠳᠡᠨ ᠡᠮᠨᠡᠯᠭᠡ ᠶᠢᠨ ᠤᠳᠠᠭᠠᠨ ᠴᠢᠨᠠᠷᠲᠠᠢ ᠡᠪᠡᠳᠴᠢᠨ ᠢᠶᠠᠷ ᠶᠠᠳᠠᠭᠤᠷᠠᠭᠰᠠᠨ ᠢ ᠲᠡᠳᠬᠦᠬᠦ ︽ᠬᠠᠶᠢᠷ᠎ᠠ ᠬᠠᠯᠠᠮᠵᠢ ᠪᠠᠷ ᠪᠢᠯᠬᠠᠭᠰᠠᠨ ᠲᠡᠮᠡᠭᠡᠲᠦ ᠨᠤᠲᠤᠭ︾ ᠨᠡᠷᠡᠮᠵᠢᠲᠦ ᠪᠠᠲᠤᠯᠠᠭᠠᠨ ᠤ ᠰᠠᠭᠤᠷᠢ ᠮᠥᠩᠭᠦ ᠶᠢ ᠪᠠᠶᠢᠭᠤᠯᠵᠤ᠂ ᠡᠮᠨᠡᠯᠭᠡ ᠳᠤ ᠰᠠᠭᠤᠭᠰᠠᠨ ᠳᠠᠩᠰᠠ ᠳᠠᠶᠢᠯᠠᠬᠤ ᠪᠠ ᠡᠩ ᠤᠨ ᠡᠭᠦᠳᠡᠨ ᠡᠮᠨᠡᠯᠭᠡ ᠶᠢᠨ ᠳᠠᠩᠰᠠ ᠳᠠᠶᠢᠯᠠᠬᠤ ᠬᠠᠷᠢᠴᠠᠯ ᠨᠢ 5% ᠪᠠᠷ ᠳᠡᠭᠡᠭᠰᠢᠯᠡᠵᠦ᠂ ᠡᠪᠡᠳᠴᠢᠨ ᠲᠠᠢ ᠪᠤᠶᠤ ᠵᠡᠮᠳᠡᠭ ᠬᠡᠦᠬᠡᠳ ᠪᠠᠭᠠᠴᠤᠳ ᠪᠣᠯᠣᠨ ᠬᠦᠨᠳᠦ ᠵᠡᠮᠳᠡᠭᠴᠦᠳ ᠤᠨ ᠳᠠᠩᠰᠠ ᠳᠠᠶᠢᠯᠠᠬᠤ ᠠᠴᠠ ᠡᠮᠦᠨᠡᠬᠢ ᠰᠦᠢᠳᠬᠡᠯ ᠢ ᠦᠭᠡᠶᠢᠰᠬᠡᠵᠦ᠂ ᠬᠤᠰᠢᠭᠤᠨ ᠤ ᠬᠡᠪᠴᠢᠶᠡᠨ ᠳᠤ ᠤᠷᠢᠳᠠᠪᠡᠷ ᠡᠮᠴᠢᠯᠡᠭᠦᠯᠵᠦ ᠬᠤᠶᠢᠨ᠎ᠠ ᠨᠢ ᠰᠦᠢᠳᠬᠡᠯ ᠲᠤᠰᠢᠶᠠᠬᠤ ︽ᠨᠢᠭᠡ ᠴᠣᠭᠴᠠᠴᠢᠯᠠᠭᠰᠠᠨ︾ ᠦᠢᠯᠡᠴᠢᠯᠡᠭᠡ ᠶᠢ ᠬᠡᠷᠡᠭᠵᠢᠭᠦᠯᠪᠡ᠃ ᠨᠡᠶᠢᠭᠡᠮ ᠤᠨ ᠪᠠᠲᠤᠯᠠᠭᠠᠨ ᠳᠤ 2125 ᠬᠥᠮᠥᠨ ᠢ ᠬᠠᠮᠤᠷᠪᠠ᠃ ᠡᠪᠦᠯ ᠤᠨ ᠳᠤᠯᠠᠭᠠᠯᠠᠭ᠎ᠠ ᠶᠢᠨ ᠨᠡᠭᠦᠷᠡᠰᠦᠨ ᠤ ᠨᠥᠬᠦᠪᠦᠷᠢ᠂ ᠬᠦᠳᠡᠭᠡ ᠳᠤᠰᠬᠤᠨ ᠤ ᠰᠢᠨ᠎ᠡ ᠬᠡᠯᠪᠡᠷᠢ ᠶᠢᠨ ᠬᠤᠷᠰᠢᠭᠰᠠᠨ ᠡᠮᠨᠡᠯᠬᠡ ᠶᠢᠨ ᠬᠤᠪᠢ ᠬᠥᠮᠥᠨ ᠤ ᠳᠤᠰᠢᠶᠠᠬᠤ ᠮᠥᠩᠭᠦᠨ ᠤ ᠨᠥᠬᠦᠪᠦᠷᠢ᠂ ︽ᠶᠠᠳᠠᠭᠤ ᠠᠴᠠ ᠠᠩᠬᠢᠵᠢᠷᠠᠭᠤᠯᠬᠤ ᠳᠠᠭᠠᠳᠬᠠᠯ︾᠂ ᠦᠨ᠎ᠡ ᠲᠥᠯᠥᠪᠦᠷᠢ ᠦᠭᠡᠢ ᠪᠡᠶ᠎ᠡ ᠶᠢᠨ ᠪᠠᠶᠢᠴᠠᠭᠠᠯᠲᠠ᠂ ᠵᠡᠮᠳᠡᠭᠴᠦᠳ ᠤᠨ ᠲᠠᠷᠢᠶᠠᠯᠠᠬᠤ ᠪᠠᠨ ᠵᠣᠭᠰᠣᠭᠰᠠᠨ ᠨᠥᠬᠦᠪᠦᠷᠢ ᠵᠡᠷᠭᠡ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠪᠠ᠃  3.2 ᠳ᠋ᠥᠩᠰᠢᠭᠤᠷ ᠲᠦᠭᠦᠷᠢᠭ ᠤᠨ ᠶᠠᠳᠠᠭᠤ ᠶᠢ ᠲᠡᠳᠬᠦᠬᠦ ᠪᠠᠯᠡ ᠮᠥᠩᠭᠦ ᠶᠢ ᠣᠯᠠᠨ ᠵᠦᠢᠯ ᠤᠨ ᠠᠷᠭ᠎ᠠ ᠠᠪᠴᠠᠯ ᠢᠶᠠᠷ ᠨᠡᠶᠢᠯᠡᠭᠦᠯᠵᠦ᠂ 3.5 ᠳ᠋ᠦᠩᠰᠢᠭᠤᠷ ᠲᠥᠭᠦᠷᠢᠭ ᠤᠨ ᠮᠥᠩᠭᠦᠨ ᠭᠦᠢᠯᠭᠡᠭᠡᠨ ᠤ ᠶᠠᠳᠠᠭᠤ ᠶᠢ ᠲᠡᠳᠬᠦᠬᠦ ᠵᠢᠭᠡᠯᠡᠯᠭᠡ ᠵᠢᠬᠡᠯᠡᠵᠤ᠂ 23 ᠶᠠᠳᠠᠭᠤ ᠬᠦᠴᠢᠷᠳᠡᠯᠲᠠᠢ ᠭᠠᠴᠠᠭ᠎ᠠ ᠲᠣᠰᠬᠤᠨ᠂ 2721 ᠡᠷᠦᠬᠡ ᠶᠢᠨ 6564 ᠶᠠᠳᠠᠭᠤ ᠬᠦᠴᠢᠷᠳᠡᠯᠲᠠᠢ ᠬᠥᠮᠥᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠪᠦᠬᠦ ᠬᠤᠰᠢᠭᠤᠨ ᠤ ᠶᠠᠳᠠᠭᠤ ᠬᠦᠴᠢᠷᠳᠡᠯ ᠤᠨ ᠡᠭᠦᠰᠬᠦ ᠨᠣᠷᠮ᠎ᠠ 3% ᠪᠠᠷ ᠳᠣᠷᠣᠭᠰᠢᠯᠠᠪᠠ᠃ ︵ᠬᠤᠶᠠᠷ︶ ᠦᠵᠡᠰᠭᠦᠯᠡᠩᠲᠣ ᠰᠠᠶᠢᠬᠠᠨ ᠬᠦᠳᠡᠭᠡ ᠲᠣᠰᠬᠤᠨ ᠤ ᠪᠦᠲᠦᠭᠡᠨ ᠪᠠᠶᠢᠭᠤᠯᠣᠯᠳᠡ ᠶᠢ ᠶᠡᠭᠡ ᠪᠠᠷ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ 31.2 ᠳ᠋ᠥᠩᠰᠢᠭᠤᠷ ᠲᠥᠭᠦᠷᠢᠭ ᠤᠨ ᠪᠡᠯᠡ ᠣᠷᠣᠭᠤᠯᠵᠣ᠂ ᠬᠦᠴᠦ ᠪᠠᠨ ᠳᠦᠪᠯᠡᠷᠡᠬᠦᠯᠦᠨ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠣᠯᠣᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠴᠡᠭᠴᠡᠯᠡᠨ ᠵᠠᠰᠠᠯᠲᠠ ᠶᠢᠨ ᠠᠵᠢᠯ ᠢ ᠠᠬᠢᠭᠤᠯᠪᠠ᠃ 18820 ᠮᠠᠯᠴᠢᠨ ᠲᠠᠷᠢᠶᠠᠴᠢᠨ ᠡᠷᠦᠬᠡ ᠶᠢᠨ ᠨᠤᠷᠠᠬᠤ ᠠᠶᠣᠯᠲᠠᠢ ᠪᠠᠶᠢᠰᠢᠩ ᠤᠨ ᠠᠰᠠᠭᠤᠳᠠᠯ ᠢ ᠰᠢᠢᠳᠪᠦᠷᠢᠯᠡᠵᠦ᠂ 15494 ᠮᠠᠯᠴᠢᠨ ᠲᠠᠷᠢᠶᠠᠴᠢᠨ ᠡᠷᠦᠬᠡ ᠶᠢᠨ ᠤᠤᠭᠤᠬᠤ ᠤᠰᠤᠨ ᠤ ᠠᠮᠤᠷ ᠳᠦᠪᠰᠢᠨ ᠤ ᠠᠰᠠᠭᠤᠳᠠᠯ ᠢ ᠰᠢᠢᠳᠪᠦᠷᠢᠯᠡᠵᠦ᠂ ᠵᠡᠭᠡᠯᠢ ᠭᠤᠳᠤᠮᠵᠢ ᠶᠢᠨ ᠬᠠᠲᠠᠭᠤᠷᠠᠯᠲᠠ ᠶᠢ ᠬᠡᠷᠡᠭᠵᠢᠭᠦᠯᠵᠦ᠂ 615 ᠺᠢᠯᠣᠮᠧᠲᠷ ᠵᠠᠮ ᠢ ᠠᠷᠠᠴᠢᠯᠠᠨ ᠬᠠᠮᠠᠭᠠᠯᠠᠵᠠᠢ᠃ 2536 ᠺᠢᠯᠣᠮᠧᠲᠷ ᠴᠠᠬᠢᠯᠭᠠᠨ ᠤᠳᠠᠰᠤ ᠶᠢ ᠤᠭᠰᠠᠷᠠᠨ ᠨᠡᠪᠲᠡᠷᠡᠭᠦᠯᠵᠦ᠂ 120 ᠡᠷᠡᠭᠦᠯ ᠬᠠᠮᠠᠭᠠᠯᠠᠯ ᠤᠨ ᠬᠤᠷᠢᠶ᠎ᠠ᠂ ᠡᠷᠡᠭᠦᠯ ᠬᠠᠮᠠᠭᠠᠯᠠᠯ ᠤᠨ ᠥᠷᠥᠭᠡ᠂ 114 ᠰᠣᠶᠣᠯ ᠤᠨ ᠠᠵᠢᠯᠯᠠᠭᠠᠨ ᠤ ᠲᠠᠰᠤᠭ᠂ 56 ᠠᠷᠠᠳ ᠲᠤ ᠳᠥᠭᠦᠮ ᠦᠵᠡᠭᠦᠯᠬᠦ ᠬᠤᠯᠪᠤᠭᠠᠳᠤ ᠳᠡᠯᠭᠡᠭᠦᠷ ᠢ ᠰᠢᠨ᠎ᠡ ᠪᠠᠷ ᠪᠤᠶᠤ ᠦᠬᠡᠷᠡᠴᠢᠯᠡᠨ ᠪᠠᠶᠢᠭᠤᠯᠵᠤ᠂ ᠡᠷᠦᠬᠡ ᠪᠦᠷᠢ ᠳᠤ ᠷᠠᠳᠢᠣ᠋ ᠲᠧᠯᠸᠢᠰ ᠨᠡᠪᠳᠡᠷᠡᠬᠦ ᠶᠢ ᠪᠡᠶᠡᠯᠡᠬᠦᠯᠵᠤ᠂ ᠨᠡᠶᠢᠭᠡᠮ ᠤᠨ ᠪᠠᠳᠤᠯᠠᠭᠠᠨ ᠤ ᠬᠠᠮᠤᠷᠴᠤ ᠴᠢᠳᠠᠬᠤ ᠪᠦᠬᠦᠨ ᠢ ᠪᠠᠲᠤᠯᠠᠪᠠ᠃ ᠮᠠᠯᠴᠢᠨ ᠲᠠᠷᠢᠶᠠᠴᠢᠨ ᠤ ᠠᠮᠢᠳᠤᠷᠠᠯ ᠤᠨ ᠴᠢᠨᠰᠠᠭ᠎ᠠ ᠢᠯᠡᠷᠬᠡᠢ ᠳᠡᠭᠡᠭᠰᠢᠯᠡᠵᠦ᠂ ᠭᠠᠴᠠᠭ᠎ᠠ ᠲᠣᠰᠬᠤᠨ ᠤ ᠥᠩᠭᠡ ᠲᠥᠷᠬᠦ ᠴᠣ ᠰᠢᠨ᠎ᠡ ᠪᠠᠷ ᠰᠣᠯᠢᠭᠳᠠᠵᠤ᠂ ᠬᠦᠳᠡᠭᠡ ᠳᠤᠰᠬᠤᠨ ᠤ ᠰᠤᠷᠳᠠᠯ ᠪᠣᠯᠪᠠᠰᠤᠨ ᠤ ᠬᠡᠮᠵᠢᠶ᠎ᠡ ᠶᠡᠭᠡ ᠪᠠᠷ ᠳᠡᠭᠡᠭᠰᠢᠯᠡᠪᠡ᠃ ᠪᠦᠬᠦ ᠬᠤᠰᠢᠭᠤᠨ ᠤ ᠺᠠᠳ᠋ᠷ ᠠᠵᠢᠯᠳᠠᠳ ᠥᠨᠳᠥᠷ ᠬᠡᠮᠵᠢᠶᠡᠨ ᠤ ᠤᠯᠤᠰ ᠲᠥᠷᠥ ᠶᠢᠨ ᠦᠵᠡᠯ ᠤᠬᠠᠮᠰᠠᠷ ᠪᠠ ᠮᠠᠯᠴᠢᠨ ᠲᠠᠷᠢᠶᠠᠴᠢᠨ ᠣᠯᠠᠨ ᠲᠦᠮᠡᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠪᠠᠷ ᠡᠨᠡ ᠬᠦ ᠬᠠᠷᠠᠭᠠᠯᠵᠠᠯᠲᠤ ᠢᠨᠵᠧᠨᠧᠷᠢᠩ ᠳᠤ ᠣᠷᠣᠯᠴᠠᠵᠤ᠂ ᠺᠠᠳ᠋ᠷ ᠤᠨ ᠡᠩᠨᠡᠭᠡ ᠪᠠᠨ ᠳᠠᠪᠲᠠᠨ ᠪᠣᠯᠪᠠᠰᠤᠷᠠᠭᠤᠯᠵᠤ᠂ ᠺᠠᠳ᠋ᠷ ᠣᠯᠠᠨ ᠲᠦᠮᠡᠨ ᠤ ᠬᠠᠷᠢᠴᠠᠭ᠎ᠠ ᠶᠢ ᠨᠢᠭᠲᠠᠷᠠᠭᠤᠯᠤᠭᠰᠠᠨ ᠪᠠᠶᠢᠨ᠎ᠠ᠃ ᠲᠠᠪᠤ᠂ ᠬᠠᠮᠠᠭᠠᠯᠠᠬᠤ ᠪᠠ ᠴᠡᠭᠴᠡᠯᠡᠬᠦ ᠶᠢ ᠬᠠᠮᠲᠣ ᠳᠤᠨᠢ ᠴᠢᠬᠤᠯᠠᠴᠢᠯᠡᠬᠤ ᠶᠢ ᠪᠠᠷᠢᠮᠲᠠᠯᠠᠵᠤ᠂ ᠠᠮᠢ ᠠᠬᠤᠢ ᠶᠢᠨ ᠣᠷᠴᠢᠨ ᠤ ᠴᠢᠨᠠᠷ ᠴᠢᠨᠰᠠᠭ᠎ᠠ ᠢᠯᠡᠳᠲᠡ ᠳᠡᠭᠡᠭᠰᠢᠯᠡᠪᠡ ︵ᠨᠢᠬᠡ︶ ᠠᠮᠢ ᠠᠬᠤᠢ ᠶᠢᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠴᠦᠯᠡᠴᠡ ᠲᠠᠰᠤᠷᠠᠯᠲᠠ ᠦᠭᠡᠢ ᠨᠡᠮᠡᠭᠳᠡᠪᠡ᠃  ᠨᠡᠶᠢᠲᠡ 30.8 ᠳ᠋ᠦᠩᠰᠢᠭᠤᠷ ᠳᠦᠬᠦᠷᠢᠭ ᠤᠨ ᠪᠡᠯᠡ ᠣᠷᠣᠭᠤᠯᠵᠤ᠂ ᠨᠤᠲᠤᠭ ᠪᠡᠯᠴᠢᠭᠡᠷ ᠤᠨ ᠱᠠᠩᠨᠠᠯ ᠤᠨ ᠨᠥᠬᠦᠪᠦᠷᠢ᠂ ᠨᠡᠶᠢᠲᠡ ᠶᠢᠨ ᠠᠰᠢᠭᠲᠤ ᠣᠢ ᠶᠢᠨ ᠨᠥᠬᠦᠪᠦᠷᠢ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ᠂ ᠪᠠᠶᠢᠭᠠᠯᠢᠯᠢᠭ ᠣᠢ ᠶᠢᠨ ᠬᠠᠮᠠᠭᠠᠯᠠᠯᠲᠠ᠂ ᠤᠮᠠᠷᠠᠲᠤ ᠶᠢᠨ ᠭᠤᠷᠪᠠᠨ ᠬᠠᠯᠬᠠᠪᠴᠢ ᠣᠢ ᠵᠡᠷᠭᠡ ᠲᠥᠷᠥ ᠶᠢᠨ ᠪᠣᠳᠣᠯᠭ᠎ᠠ ᠬᠢᠭᠡᠳ ᠴᠢᠬᠤᠯᠠ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ ᠲᠠᠯ᠎ᠠ ᠨᠤᠲᠤᠭ ᠤᠨ ᠤᠷᠭᠤᠮᠠᠯ ᠤᠨ ᠬᠤᠴᠢᠯᠭ᠎ᠠ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ ᠲᠤᠰ ᠪᠦᠷᠢ 22% ᠪᠣᠯᠣᠨ 12.5% ᠳᠤ ᠬᠦᠷᠴᠦ᠂ ᠠᠮᠢ ᠠᠬᠤᠢ ᠶᠢᠨ ᠣᠷᠴᠢᠨ ᠲᠣᠭᠤᠷᠢᠨ ᠢ ᠪᠦᠲᠦᠮᠵᠢᠲᠡᠢ ᠰᠡᠷᠭᠦᠭᠡᠪᠡ᠃ ᠠᠯᠠᠱᠠ ᠠᠭᠤᠯᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠠᠯᠠᠱᠠ ᠠᠭᠤᠯᠠ ᠶᠢᠨ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ ᠠᠯᠠᠱᠠ ᠵᠡᠭᠦᠨ ᠬᠤᠰᠢᠭᠤᠨ ᠤ ᠣᠢ ᠰᠢᠭᠤᠢ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠳᠤ ᠭᠦᠨᠵᠡᠭᠡᠢ ᠥᠭᠡᠷᠡᠴᠢᠯᠡᠯᠲᠡ ᠬᠢᠵᠦ᠂ ᠪᠠᠶᠢᠭᠠᠯᠢ ᠶᠢᠨ ᠬᠠᠮᠭᠠᠯᠠᠯᠳᠠ ᠶᠢᠨ ᠣᠷᠣᠨ᠂ ᠣᠢ ᠰᠢᠭᠤᠢ᠂ ᠨᠠᠮᠤᠭ ᠭᠠᠵᠠᠷ ᠤᠨ ᠬᠠᠮᠠᠭᠠᠯᠠᠯᠲᠠ ᠶᠢ ᠲᠠᠰᠤᠷᠠᠯᠲᠠ ᠦᠭᠡᠢ ᠴᠢᠩᠭᠠᠳᠬᠠᠪᠠ᠃ ᠪᠦᠬᠦ ᠣᠷᠣᠨ ᠳᠤ ᠬᠠᠮᠤᠭ ᠠᠩᠬᠠᠨ ᠤ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢ ᠪᠠᠶᠢᠭᠤᠯᠵᠤ᠂ ︽1+7︾ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠦᠯᠳᠡ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠬᠠᠤᠯᠢ ᠬᠡᠷᠡᠭᠵᠢᠭᠦᠯᠬᠦ ᠬᠦᠴᠦᠨ ᠤ ᠬᠦᠨᠵᠡᠬᠡᠶᠢᠷᠡᠯᠳᠡ ᠶᠢᠨ ᠨᠤᠷᠮ᠎ᠠ 82% ᠳᠤ ᠬᠦᠷᠦᠭᠰᠡᠨ ᠪᠠᠶᠢᠨ᠎ᠠ᠃ ᠰᠣᠮᠣ ᠪᠠᠯᠭᠠᠰᠣ᠂ ᠭᠠᠴᠠᠭ᠎ᠠ ᠲᠣᠰᠬᠤᠨ᠂ ᠮᠠᠯᠴᠢᠨ ᠲᠠᠷᠢᠶᠠᠴᠢᠨ ᠤ ᠭᠤᠷᠪᠠᠨ ᠱᠠᠲᠤ ᠪᠠᠷ ᠬᠤᠯᠪᠤᠭᠠᠯᠠᠨ ᠪᠠᠲᠣᠯᠠᠬᠤ ᠬᠠᠷᠢᠭᠤᠴᠠᠯᠭ᠎ᠠ ᠶᠢᠨ ᠲᠦᠷᠢᠮ ᠢ ᠲᠣᠭᠲᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢ ᠬᠠᠮᠲᠤ ᠪᠠᠷ ᠬᠠᠮᠢᠶᠠᠷᠴᠤ ᠬᠠᠮᠲᠤ ᠪᠠᠷ ᠴᠡᠭᠴᠡᠯᠡᠬᠦ ᠰᠢᠨ᠎ᠡ ᠪᠠᠶᠢᠳᠠᠯ ᠢ ᠪᠤᠢ ᠪᠤᠯᠭᠠᠵᠤ᠂ ᠬᠠᠤᠯᠢ ᠪᠤᠰᠤ ᠪᠠᠷ ᠳᠡᠬᠦᠵᠤ ᠮᠠᠯᠳᠠᠬᠤ᠂ ᠮᠠᠯᠵᠢᠬᠤ ᠳᠠᠷᠢᠶᠠᠯᠠᠬᠤ ᠤᠷᠤᠨ ᠤ ᠵᠦᠪᠰᠢᠶᠡᠷᠡᠯ ᠦᠬᠡᠢ ᠪᠠᠷᠢᠯᠭ᠎ᠠ᠂ ︽ᠬᠢᠯᠢᠨᠴᠠᠲᠣ ᠬᠤᠷᠣᠬᠠᠢ  ᠶᠢ ᠪᠠᠷᠢᠬᠤ︾᠂ ︽ᠭᠠᠵᠠᠷ ᠤᠨ ᠦᠰᠦ ᠲᠡᠭᠦᠭᠦ︾ ᠵᠡᠷᠭᠡ ᠠᠮᠢ ᠠᠬᠤᠢ ᠶᠢ ᠡᠪᠳᠡᠵᠣ ᠬᠠᠣᠯᠢ ᠶᠢ ᠵᠦᠷᠢᠴᠡᠭᠰᠡᠨ ᠦᠢᠯᠡ ᠠᠵᠢᠯᠯᠠᠭ᠎ᠠ ᠪᠦᠲᠦᠮᠵᠢᠲᠡᠢ ᠬᠤᠷᠢᠭᠯᠠᠭᠳᠠᠪᠠ᠃ ︵ᠬᠤᠶᠠᠷ︶ ᠣᠷᠴᠢᠨ ᠲᠣᠭᠤᠷᠢᠨ ᠤ ᠪᠣᠬᠢᠷᠳᠣᠯ ᠢ ᠵᠠᠰᠠᠨ ᠴᠡᠭᠴᠡᠯᠡᠭᠰᠡᠨ ᠦᠷ᠎ᠡ ᠪᠦᠲᠦᠮᠵᠢ ᠢᠯᠡᠷᠬᠡᠢ ᠪᠤᠯᠪᠠ᠃ ᠰᠢᠨ᠎ᠡ ︽ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ︾ ᠶᠢ ᠴᠢᠩᠭ᠎ᠠ ᠬᠡᠷᠡᠭᠵᠢᠭᠦᠯᠵᠦ᠂ ᠠᠭᠠᠷ ᠮᠠᠨᠳᠠᠯ᠂ ᠤᠰᠤ᠂ ᠭᠠᠵᠠᠷ ᠰᠢᠷᠣᠢ ᠶᠢᠨ ᠪᠣᠬᠢᠷᠳᠣᠯ ᠢ ᠦᠷᠭᠦᠯᠵᠢᠯᠡᠨ ᠰᠡᠷᠭᠡᠶᠢᠯᠡᠨ᠎ᠡ᠃  ᠪᠠᠶᠠᠨᠬᠤᠲᠠ ᠶᠢᠨ 10 ᠲᠣᠨ ᠠᠴᠠ ᠳᠣᠷᠣᠭᠰᠢ ᠠᠭᠤᠷ ᠤᠨ ᠬᠠᠯᠠᠭᠠᠯᠲᠠ ᠶᠢᠨ ᠨᠡᠭᠦᠷᠡᠰᠦᠨ ᠤ ᠪᠠᠭ᠎ᠠ ᠵᠤᠤᠬ᠎ᠠ ᠶᠢ ᠪᠦᠬᠦᠨ ᠢ ᠦᠭᠡᠶᠢᠰᠬᠡᠵᠦ᠂ ᠴᠢᠨᠠᠷ ᠮᠠᠭᠤ ᠪᠦᠳᠦᠭᠦᠯᠢᠭ ᠨᠡᠭᠦᠷᠡᠰᠦ ᠲᠦᠯᠡᠬᠦ ᠠᠰᠠᠭᠤᠳᠠᠯ ᠢ ᠴᠡᠭᠴᠡᠯᠡᠬᠦ ᠠᠵᠢᠯ ᠲᠣᠭᠲᠠᠪᠤᠷᠢᠲᠠᠢ ᠶᠠᠪᠤᠭᠳᠠᠵᠤ᠂ ᠰᠢᠯᠢᠳᠡᠭ ᠰᠠᠶᠢᠨ ᠠᠭᠤᠷ ᠠᠮᠢᠰᠬᠤᠯ ᠲᠠᠢ ᠡᠳᠦᠷ ᠤᠨ ᠲᠤᠭ᠎ᠠ 310 ᠠᠴᠠ ᠳᠡᠭᠡᠭᠰᠢ ᠳᠤ ᠬᠦᠷᠪᠡ᠃ ᠭᠤᠣᠯ ᠤᠨ ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠪᠡ᠃ ᠤᠤᠭᠤᠬᠤ ᠣᠰᠣᠨ ᠤ ᠡᠬᠢ ᠰᠤᠷᠪᠤᠯᠵᠢ ᠶᠢᠨ ᠬᠠᠮᠠᠭᠠᠯᠠᠯᠲᠠ ᠪᠣᠯᠣᠨ ᠤᠰᠤᠨ ᠤ ᠴᠢᠨᠠᠷ ᠤᠨ ᠪᠠᠶᠢᠴᠠᠭᠠᠯᠲᠠ ᠶᠢ ᠤᠯᠠᠮ ᠨᠢᠭᠡ ᠠᠯᠬᠤᠮ ᠴᠢᠩᠭᠠᠳᠬᠠᠭᠳᠠᠪᠠ᠃ ᠪᠠᠶᠠᠨᠬᠤᠳᠠ ᠶᠢᠨ ᠰᠢᠨ᠎ᠡ ᠲᠤᠭᠤᠷᠢᠭ ᠤᠨ ᠪᠤᠬᠢᠷ ᠤᠰᠤ ᠰᠢᠢᠳᠪᠦᠷᠢᠯᠡᠬᠦ ᠭᠠᠵᠠᠷ᠂ ᠬᠤᠭᠤᠯᠠᠨ ᠤ ᠦᠯᠡᠳᠡᠭᠳᠡᠯ ᠵᠢᠴᠢ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ᠂ ᠳᠠᠬᠢᠨ ᠰᠡᠷᠭᠦᠭᠡᠭᠳᠡᠬᠦ ᠡᠬᠢ ᠪᠠᠶᠠᠯᠢᠭ ᠤᠨ ᠲᠣᠭᠤᠷᠢᠭ ᠢ ᠠᠰᠢᠭᠯᠠᠯᠲᠠ ᠳᠤ ᠣᠷᠣᠭᠤᠯᠪᠠ᠃ ᠤᠯᠤᠰ ᠤᠨ ᠭᠤᠣᠯᠳᠠᠯᠭᠠᠲᠤ ᠠᠮᠢ ᠠᠬᠤᠢ ᠶᠢᠨ ᠣᠷᠴᠢᠨ ᠤ ᠴᠢᠳᠠᠪᠬᠢᠲᠤ ᠣᠷᠣᠨ ᠪᠠ ᠬᠤᠷᠢᠭ᠎ᠠ ᠱᠤᠭᠤᠮ ᠢ ᠲᠣᠭᠲᠠᠭᠠᠬᠤ ᠠᠵᠢᠯ ᠢ ᠡᠮᠬᠢ ᠳᠠᠷᠠᠭ᠎ᠠ ᠲᠠᠢ ᠥᠷᠨᠢᠭᠦᠯᠪᠡ᠃ ᠭᠤᠣᠯᠳᠠᠯᠭᠠᠲᠤ ᠠᠵᠤ ᠠᠬᠤᠶᠢᠯᠠᠯ ᠤᠨ ᠠᠯᠪᠠᠳᠠᠯᠭ᠎ᠠ ᠶᠢᠨ ᠴᠢᠨᠠᠷᠲᠠᠢ ᠴᠡᠪᠡᠷ ᠦᠢᠯᠡᠳᠪᠦᠷᠢᠯᠡᠯ ᠤᠨ ᠬᠢᠨᠠᠨ ᠰᠢᠯᠭᠠᠯᠳᠠ ᠶᠢ ᠪᠦᠬᠦ ᠲᠠᠯ᠎ᠠ ᠪᠠᠷ ᠬᠡᠷᠡᠭᠵᠢᠬᠦᠯᠪᠡ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠲᠣᠭᠤᠷᠢᠨ ᠪᠠᠶᠢᠴᠠᠭᠠᠬᠤ ᠪᠠᠷ ᠳᠠᠮᠵᠢᠨ ᠢᠯᠡᠷᠡᠬᠦᠯᠦᠭᠰᠡᠨ ᠠᠰᠠᠭᠤᠳᠠᠯ ᠢ ᠬᠦᠴᠦᠯᠡᠨ ᠴᠡᠭᠴᠡᠯᠡᠵᠦ᠂ 2.4 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠂ 5.5 ᠲᠦᠮᠡᠨ ᠬᠥᠮᠥᠨ ᠤᠳᠠᠭᠠᠨ ᠤ ᠬᠥᠮᠥᠨ ᠤ ᠬᠦᠴᠦ ᠶᠢ ᠰᠣᠩᠭᠤᠨ ᠲᠣᠮᠢᠯᠠᠵᠤ᠂ ᠠᠯᠠᠱᠠ ᠠᠭᠤᠯᠠ ᠵᠡᠷᠭᠡ 4 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠮᠢᠩ ᠤᠯᠤᠰ ᠤᠨ ᠤᠷᠳᠤ ᠴᠠᠭᠠᠨ ᠬᠡᠷᠡᠮ ᠤᠨ ᠳᠠᠭᠠᠤ ᠵᠡᠷᠭᠡ 6 ᠭᠤᠣᠯᠳᠠᠯᠭᠠᠲᠤ ᠣᠷᠣᠨ ᠤ ᠣᠷᠴᠢᠨ ᠲᠣᠭᠤᠷᠢᠨ ᠤ ᠭᠡᠮ ᠠᠷᠬᠠᠭ ᠢ ᠵᠠᠰᠠᠨ ᠴᠡᠭᠴᠡᠯᠡᠪᠡ᠃ 20 ᠴᠢᠯᠠᠭᠤᠨ ᠮᠠᠲ᠋ᠧᠷᠢᠶᠠᠯ ᠤᠨ ᠲᠠᠯᠠᠪᠠᠢ ᠶᠢ ᠵᠣᠭᠰᠣᠭᠠᠨ ᠴᠡᠭᠴᠡᠯᠡᠵᠦ᠂ 57 ᠪᠠᠭ᠎ᠠ ᠬᠡᠯᠪᠡᠷᠢ ᠶᠢᠨ ᠨᠡᠭᠦᠷᠡᠰᠦ ᠤᠬᠢᠶᠠᠬᠤ ᠦᠢᠯᠡᠳᠪᠦᠷᠢ ᠶᠢ ᠵᠤᠭᠰᠤᠭᠠᠨ᠂ ᠵᠢᠷᠨᠲᠠᠢ ᠶᠢᠨ ᠳᠠᠪᠤᠰᠤᠨ ᠲᠠᠯᠠᠪᠠᠢ᠂ ᠬᠤᠵᠢᠷ ᠤᠨ ᠦᠢᠯᠡᠳᠪᠦᠷᠢᠯᠡᠯ᠂ ᠴᠢᠯᠠᠭᠤᠨ ᠮᠠᠲ᠋ᠧᠷᠢᠶᠠᠯ ᠢ ᠪᠤᠯᠪᠠᠰᠤᠷᠠᠭᠤᠯᠬᠤ ᠣᠷᠣᠨ᠂ ᠡᠾᠯᠣᠷᠲᠦ ᠺᠠᠯᠽ ᠢ ᠦᠢᠯᠡᠳᠪᠦᠷᠢᠯᠡᠬᠦ ᠣᠷᠣᠨ ᠤ ᠤᠷᠴᠢᠨ ᠳᠤᠭᠤᠷᠢᠨ ᠢᠯᠡᠷᠬᠡᠢ ᠰᠠᠶᠢᠵᠢᠷᠠᠵᠤ᠂ ᠣᠷᠴᠢᠨ ᠲᠣᠭᠤᠷᠢᠨ ᠤ ᠨᠢᠭᠡ ᠪᠦᠯᠦᠭ ᠳᠣᠪᠣᠶᠢᠭᠰᠠᠨ ᠠᠰᠠᠭᠤᠳᠠᠯ ᠢ ᠪᠦᠲᠦᠮᠵᠢᠲᠡᠢ ᠴᠡᠭᠴᠡᠯᠡᠨ᠂ ᠪᠦᠰᠡ ᠨᠤᠲᠤᠭ ᠤᠨ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠵᠤ᠂ ᠪᠣᠬᠢᠷᠳᠤᠯ ᠦᠭᠡᠢ ᠬᠥᠭᠵᠢᠯᠲᠡ ᠶᠢᠨ ᠦᠵᠡᠯᠳᠡ ᠶᠢ ᠳᠤᠤᠱᠯᠠᠭᠤᠯᠬᠤ ᠤᠬᠠᠮᠰᠠᠷᠲᠤ ᠴᠢᠨᠠᠷ ᠤᠯᠠᠮ ᠨᠢᠭᠡ ᠠᠯᠬᠤᠮ ᠴᠢᠩᠭᠠᠷᠠᠪᠠ᠃ᠵᠢᠷᠭᠤᠭ᠎ᠠ᠂ ᠨᠠᠶᠢᠬᠡᠮ ᠤᠨ ᠠᠵᠢᠯ ᠦᠢᠯᠡᠰ ᠢ ᠵᠣᠬᠢᠴᠠᠭᠤᠯᠣᠨ ᠬᠥᠭᠵᠢᠭᠦᠯᠵᠣ᠂ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠪᠠᠲᠣᠯᠠᠭ᠎ᠠ ᠣᠯᠠᠮ ᠬᠦᠴᠦᠲᠠᠢ ᠪᠣᠯᠪᠠ︵ᠨᠢᠬᠡ︶ ᠨᠡᠶᠢᠬᠡᠮ ᠤᠨ ᠠᠵᠢᠯ ᠦᠢᠯᠡᠰ ᠪᠦᠬᠦ ᠳᠠᠯ᠎ᠠ ᠪᠠᠷ ᠬᠦᠭᠵᠢᠪᠡ᠃ 4.8 ᠳ᠋ᠥᠩᠰᠢᠭᠤᠷ ᠲᠥᠭᠦᠷᠢᠭ ᠤᠨ ᠪᠠᠯᠡ ᠣᠷᠣᠭᠤᠯᠵᠣ᠂ ᠲᠣᠮᠳᠠᠳᠣ ᠪᠠᠭ᠎ᠠ ᠰᠣᠷᠭᠠᠭᠤᠯᠢ ᠶᠢᠨ ᠪᠠᠷᠢᠮᠵᠢᠶᠠᠵᠢᠭᠰᠡᠨ ᠪᠦᠲᠦᠭᠡᠨ ᠪᠠᠶᠢᠭᠤᠯᠣᠯᠳᠡ᠂ ᠨᠦᠬᠦᠴᠡᠯ ᠠᠨᠠᠢ ᠰᠣᠷᠭᠠᠭᠤᠯᠢ ᠶᠢ ᠦᠭᠡᠷᠡᠴᠢᠯᠡᠨ ᠵᠠᠰᠠᠬᠤ ᠵᠡᠷᠭᠡ ᠢᠨᠵᠧᠨᠧᠷᠢᠩ ᠢ ᠬᠡᠷᠡᠭᠵᠢᠭᠦᠯᠵᠣ᠂ 13 ᠰᠠᠭᠤᠷᠢ ᠬᠡᠣᠬᠡᠳ ᠤᠨ ᠴᠡᠴᠡᠷᠯᠢᠭ᠂ 11 ᠪᠡᠶ᠎ᠡ ᠲᠠᠮᠢᠷ ᠤᠨ ᠬᠥᠳᠡᠯᠭᠡᠭᠡᠨ ᠤ ᠲᠠᠰᠤᠭ ᠢ ᠰᠢᠨ᠎ᠡ ᠪᠠᠷ ᠪᠤᠶᠤ ᠦᠷᠭᠡᠳᠬᠡᠨ ᠪᠠᠶᠢᠭᠤᠯᠵᠤ᠂ ᠲᠣᠮᠳᠠᠳᠣ ᠪᠠᠭ᠎ᠠ ᠰᠣᠷᠭᠠᠭᠤᠯᠢ᠂ ᠬᠡᠣᠬᠡᠳ ᠤᠨ ᠴᠡᠴᠡᠷᠯᠢᠭ ᠤᠨ ᠵᠢᠭᠠᠨ ᠰᠣᠷᠭᠠᠬᠤ ᠲᠥᠬᠦᠭᠡᠷᠦᠮᠵᠢ  ᠶᠢ ᠢᠵᠢ ᠪᠦᠷᠢᠨᠰᠢᠭᠦᠯᠵᠣ᠂ ᠰᠣᠷᠭᠠᠭᠤᠯᠢ ᠡᠷᠬᠢᠯᠡᠬᠦ ᠨᠦᠬᠦᠴᠡᠯ ᠢᠯᠡᠷᠬᠡᠢ ᠰᠠᠶᠢᠵᠢᠷᠠᠪᠠ᠃ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠳᠡᠩᠴᠡᠬᠦᠷᠢᠳᠡᠢ ᠬᠦᠭᠵᠢᠯᠳᠡ ᠨᠢ ᠤᠯᠤᠰ ᠤᠨ ᠰᠢᠯᠭᠠᠨ ᠬᠤᠷᠢᠶᠠᠯᠳᠠ ᠶᠢ ᠦᠩᠬᠡᠷᠡᠬᠡᠵᠤ᠂ ᠰᠤᠷᠭᠠᠨ ᠬᠦᠮᠦᠵᠢᠯ ᠤᠨ ᠵᠢᠭᠠᠨ ᠰᠤᠷᠭᠠᠬᠤ  ᠴᠢᠨᠠᠷ ᠴᠢᠨᠰᠠᠭ᠎ᠠ ᠳᠤᠭᠳᠠᠭᠤᠨ ᠢᠶᠠᠷ ᠳᠡᠬᠡᠭᠰᠢᠯᠡᠪᠡ᠃ 1.3 ᠳ᠋ᠥᠩᠰᠢᠭᠤᠷ ᠲᠥᠭᠦᠷᠢᠭ ᠤᠨ ᠪᠠᠯᠡ ᠣᠷᠣᠭᠤᠯᠵᠣ᠂ ᠪᠠᠶᠠᠨᠬᠤᠳᠠ ᠶᠢᠨ ᠣᠯᠠᠨ ᠴᠢᠳᠠᠮᠵᠢᠲᠣ ᠪᠠᠶ᠎ᠠ ᠲᠠᠮᠢᠷ ᠤᠨ ᠲᠠᠯᠠᠪᠦᠷ ᠤᠨ ᠶᠡᠷᠦᠬᠡᠶᠢᠯᠡᠭᠰᠡᠨ ᠦᠬᠡᠷᠡᠴᠢᠯᠡᠯᠳᠡ ᠪᠠ ᠬᠤᠳᠠ ᠶᠢᠨ ᠪᠠᠷᠠᠭᠤᠨ ᠲᠣᠭᠤᠷᠢᠭ ᠤᠨ ᠬᠦᠯ ᠪᠦᠮᠪᠦᠭᠡᠨ ᠤ ᠳᠠᠯᠠᠪᠤᠷ ᠤᠨ ᠪᠦᠲᠦᠭᠡᠨ ᠪᠠᠶᠢᠭᠤᠯᠣᠯᠳᠡ ᠶᠢ ᠬᠡᠷᠡᠭᠵᠢᠬᠦᠯᠵᠤ᠂ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠠᠵᠢᠯᠯᠠᠭ᠎ᠠ ᠬᠦᠨᠵᠡᠬᠡᠢ ᠦᠷᠨᠢᠪᠡ᠃ ᠰᠣᠶᠣᠯ ᠤᠨ ᠠᠵᠢᠯ ᠦᠢᠯᠡᠰ ᠪᠠᠳᠠᠷᠠᠨ ᠬᠥᠭᠵᠢᠪᠠ᠃ ᠤᠯᠠᠨ ᠳᠦᠮᠡᠨᠴᠢ  ᠤᠷᠠᠯᠢᠭᠴᠢᠳ ᠤᠨ ᠡᠩᠨᠡᠬᠡᠨ ᠤ ᠪᠤᠯᠪᠠᠰᠤᠷᠠᠯ ᠢ ᠴᠢᠩᠭᠠᠳᠬᠠᠵᠤ᠂ ︽ᠵᠠᠭᠤᠨ ᠡᠳᠦᠷ ᠤᠨ ᠵᠤᠨ ᠤ ᠰᠡᠯᠡᠬᠦᠴᠡᠯ︾᠂  ︽ᠳᠠᠯ᠎ᠠ ᠨᠤᠳᠤᠭ ᠤᠨ ᠤᠷᠠᠯᠢᠭ ᠤᠨ ᠪᠠᠶᠢᠩᠭᠤ ᠶᠢᠨ ᠳᠤᠭᠯᠠᠯᠳᠠ︾ ᠵᠡᠷᠬᠡ ᠤᠯᠠᠨ ᠳᠦᠮᠡᠨᠴᠢ ᠰᠤᠶᠤᠯ ᠤᠨ ᠠᠵᠢᠯᠯᠠᠭ᠎ᠠ ᠨᠢ ᠬᠦᠭᠵᠢᠶᠡᠨᠳᠡᠢ ᠦᠷᠨᠢᠪᠡ᠃ ᠰᠠᠪᠠᠷᠳᠠᠩ᠂ ᠳᠤᠪᠰᠢᠭᠤᠷ ᠵᠡᠷᠬᠡ 5 ᠳᠦᠷᠦᠯ ᠵᠦᠢᠯ ᠨᠢ ᠦᠪᠡᠷᠳᠡᠬᠡᠨ ᠵᠠᠰᠠᠬᠤ ᠤᠷᠤᠨ ᠤ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠨᠡᠷᠡᠰ ᠲᠤ ᠵᠢᠭᠰᠠᠭᠠᠭᠳᠠᠪᠠ᠃ ᠮᠢᠩ ᠤᠯᠤᠰ ᠤᠨ ᠦᠶ᠎ᠡ ᠶᠢᠨ ᠣᠷᠳᠣ ᠴᠠᠭᠠᠨ ᠬᠡᠷᠡᠮ ᠵᠡᠷᠭᠡ ᠰᠤᠶᠤᠯ ᠤᠨ ᠦᠪ ᠤᠨ ᠬᠠᠮᠠᠭᠠᠯᠠᠯᠳᠠ ᠶᠢᠨ ᠠᠵᠢᠯ ᠪᠦᠬᠦ ᠳᠠᠯ᠎ᠠ ᠪᠠᠷ ᠴᠢᠩᠭᠠᠳᠬᠠᠭᠳᠠᠪᠠ᠃ ᠬᠤᠯᠠᠳᠠᠬᠢᠨ ᠢ ᠳᠤᠭᠳᠠᠭᠠᠭᠴᠢ ᠬᠤᠷᠢᠶᠠᠨ ᠤ ᠸᠠᠩ ᠤᠨ ᠤᠷᠳᠤᠨ ᠤ ᠵᠠᠩ ᠦᠢᠯᠡ ᠶᠢᠨ ᠰᠤᠶᠤᠯ ᠤᠨ ᠵᠡᠬᠡᠯᠢ᠂ ᠤᠨᠴᠠᠯᠢᠭᠳᠤ ᠰᠠᠭᠤᠭᠠᠯᠢ ᠠᠷᠠᠳ ᠤᠨ ᠵᠡᠬᠡᠯᠢ ᠨᠢ ᠦᠪᠡᠷᠳᠡᠬᠡᠨ ᠵᠠᠰᠠᠬᠤ ᠤᠷᠤᠨ ᠤ ᠳᠡᠰ ᠤᠨ ᠳᠡᠦᠬᠡᠨ ᠰᠤᠶᠤᠯ ᠤᠨ ᠵᠡᠬᠡᠯᠢ ᠪᠠᠷ ᠦᠨᠡᠯᠡᠭᠳᠡᠪᠡ᠃ ᠤᠯᠠᠭᠠᠨᠮᠦ᠋ᠴᠢᠷ ᠤᠨ ᠡᠩᠨᠡᠬᠡᠨ ᠤ ᠪᠦᠳᠦᠬᠡᠨ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠷᠠᠵᠤ᠂ ︽ᠤᠯᠠᠭᠠᠨ ᠬᠤᠪᠢᠰᠬᠠᠯ ᠤᠨ ᠤᠷᠠᠯᠢᠭ ᠤᠨ ᠬᠦᠩᠬᠡᠨ ᠮᠤᠷᠢᠳᠤ ᠴᠡᠷᠢᠭ︾ ᠤᠨ ᠦᠢᠯᠡᠳᠦᠯ ᠢᠶᠠᠨ ᠬᠦᠢᠴᠡᠳ ᠪᠠᠳᠠᠷᠠᠭᠤᠯᠤᠨ᠂ ᠤᠯᠤᠰ ᠤᠨ ᠦᠨᠳᠦᠰᠦᠳᠡᠨ ᠤ ᠠᠵᠢᠯ ᠤᠨ ᠵᠦᠪᠯᠡᠯ  ᠳᠤ ︽ᠦᠨᠳᠦᠰᠦᠳᠡᠨ ᠤ ᠰᠤᠶᠤᠯ ᠤᠨ ᠠᠵᠢᠯ ᠤᠨ ᠬᠤᠯᠪᠤᠭᠠᠨ ᠤ ᠴᠡᠭ︾ ᠢᠶᠠᠷ ᠨᠡᠷᠡᠯᠡᠭᠳᠡᠪᠡ᠃ ᠦᠨᠳᠦᠰᠦᠳᠡᠨ ᠤ ᠰᠤᠶᠤᠯ ᠪᠠ ᠳᠡᠦᠬᠡᠳᠤ ᠬᠦᠮᠦᠰ ᠤᠨ ᠰᠤᠶᠤᠯ ᠢ ᠬᠦᠨᠵᠡᠬᠡᠢ ᠠᠭᠤᠳᠠᠯᠯᠠᠵᠤ᠂ ︽ᠠᠯᠠᠱᠠ ᠬᠤᠱᠤᠳ ᠤᠨ ᠳᠡᠦᠬᠡ︾ ︽ᠠᠭᠸᠠᠩᠳᠠᠨᠳᠠᠷ ᠤᠨ ᠪᠦᠷᠢᠨ ᠵᠤᠬᠢᠶᠠᠯ︾ ᠵᠡᠷᠬᠡ 2 ᠰᠢᠷᠢᠰ 13 ᠳᠡᠪᠳᠡᠷ ᠨᠤᠮ ᠢ ᠨᠠᠶᠢᠷᠠᠭᠤᠯᠤᠨ ᠬᠡᠪᠯᠡᠵᠤ᠂ ︽ᠤᠶᠢᠷᠠᠳ ᠨᠤᠳᠤᠭ ᠤᠨ ᠮᠡᠨᠳᠤᠴᠢᠯᠠᠯ︾᠂ ︽ᠪᠦᠬᠡ ᠶᠢᠨ ᠠᠪᠤᠷᠭᠤ — ᠱᠠᠯᠪᠢᠩ︾᠂ ︽ᠠᠯᠠᠱᠠ ᠬᠤᠷᠢᠮ︾ ᠵᠡᠷᠬᠡ ᠨᠢᠬᠡ ᠬᠡᠰᠡᠭ ᠤᠷᠠᠯᠢᠭ ᠤᠨ ᠰᠤᠳᠤᠨ ᠪᠦᠳᠦᠬᠡᠯ ᠢ ᠡᠬᠦᠳᠪᠡ᠃ ᠳᠡᠭᠷᠢ ᠶᠢᠨ ᠪᠤᠳᠤᠭᠤ ᠮᠤᠩᠭᠤᠯ ᠰᠢᠯᠦᠭ ᠤᠨ ᠮᠦᠷᠦᠶᠢᠴᠡᠬᠡᠨ ᠨᠢ ᠤᠯᠠᠨ ᠤᠯᠤᠰ ᠤᠨ ᠴᠢᠨᠠᠷᠳᠠᠢ ᠮᠦᠷᠦᠶᠢᠴᠡᠬᠡᠨ ᠤ ᠨᠡᠷᠡᠳᠤ ᠳᠡᠮᠳᠡᠭ ᠪᠤᠯᠪᠠ᠃ ᠡᠷᠡᠬᠦᠯ ᠬᠠᠮᠠᠭᠠᠯᠠᠯ ᠤᠨ ᠦᠢᠯᠡᠰ ᠡᠷᠡᠬᠦᠯ ᠢᠶᠠᠷ ᠬᠦᠭᠵᠢᠪᠡ᠃ ᠬᠤᠰᠢᠭᠤᠨ ᠤ ᠲᠡᠰ ᠤᠨ ᠠᠯᠪᠠᠨ ᠠᠴᠠ ᠡᠷᠬᠢᠯᠡᠭᠰᠡᠨ ᠡᠮᠨᠡᠯᠭᠡ  ᠶᠢᠨ ᠬᠤᠷᠢᠶᠠᠨ ᠤ ᠶᠡᠷᠥᠩᠬᠡᠶᠢᠯᠡᠭᠰᠠᠨ ᠦᠭᠡᠷᠡᠴᠢᠯᠡᠯᠳᠡ ᠶᠢ ᠠᠬᠢᠭᠤᠯᠵᠤ᠂ ᠡᠮ ᠡᠮᠨᠡᠯᠭᠡ ᠶᠢᠨ ᠦᠢᠯᠡᠴᠢᠯᠡᠭᠡᠨ ᠤ ᠰᠢᠰᠲ᠋ᠧᠮ ᠪᠠ ᠲᠡᠰ ᠬᠤᠪᠢᠶᠠᠨ ᠡᠮᠨᠡᠬᠦᠯᠬᠦ ᠪᠠᠶᠢᠷᠢᠭᠤᠯᠤᠯᠳᠡ ᠶᠢ ᠨᠡᠩ ᠵᠣᠬᠢᠰᠲᠠᠢ ᠪᠤᠯᠭᠠᠵᠤ᠂ ᠭᠤᠷᠪᠠᠨ ᠲᠡᠰ ᠤᠨ ᠡᠮ ᠡᠮᠨᠡᠯᠬᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠦᠯᠵᠢᠶ᠎ᠠ ᠨᠡᠩ ᠲᠡᠭᠦᠯᠳᠡᠷᠵᠢᠪᠠ᠃ ᠮᠣᠩᠭᠤᠯ ᠬᠢᠳᠠᠳ ᠡᠮᠨᠡᠯᠭᠡ ᠶᠢᠨ ᠬᠤᠷᠢᠶ᠎ᠠ ᠪᠠᠶᠢᠭᠤᠯᠣᠭᠳᠠᠨ ᠠᠰᠢᠭᠯᠠᠯᠳᠠ ᠳᠤ ᠣᠷᠣᠵᠣ᠂ ᠡᠮ ᠡᠮᠨᠡᠯᠬᠡ ᠶᠢᠨ ᠨᠦᠬᠦᠴᠡᠯ ᠪᠠ ᠦᠢᠯᠡᠴᠢᠯᠡᠬᠡᠨ ᠤ ᠴᠢᠳᠠᠪᠬᠢ ᠨᠢ ᠶᠡᠬᠡᠪᠡᠷ ᠳᠡᠬᠡᠭᠰᠢᠯᠡᠪᠡ᠃ ᠨᠡᠷᠡᠳᠤ ᠡᠮᠴᠢ ᠶᠢᠨ 7 ᠠᠵᠢᠯ ᠤᠨ ᠳᠠᠰᠤᠭ ᠢ ᠪᠠᠶᠢᠭᠤᠯᠵᠤ᠂ ᠤᠯᠠᠮᠵᠢᠯᠠᠯᠳᠤ ᠮᠤᠩᠭᠤᠯ ᠡᠮᠨᠡᠯᠭᠡ᠂ ᠭᠠᠯ ᠵᠠᠰᠠᠯ᠂ ᠡᠯᠡᠰᠦᠨ ᠵᠠᠰᠠᠯ ᠵᠡᠷᠬᠡ ᠡᠷᠡᠬᠦᠯ ᠮᠡᠨᠳᠤ ᠪᠡᠶ᠎ᠡ ᠰᠤᠪᠢᠯᠠᠯᠳᠠ ᠶᠢᠨ ᠠᠵᠢᠯ ᠳᠦᠷᠦᠯ ᠢ ᠬᠡᠷᠡᠭᠵᠢᠬᠦᠯᠵᠤ᠂ ᠦᠨᠳᠦᠰᠦᠳᠡᠨ ᠤ ᠡᠮ ᠡᠮᠨᠡᠯᠬᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠬᠡᠨ ᠳᠠᠬᠢ ᠳᠠᠪᠠᠭᠤᠯᠢᠭ ᠳᠠᠯ᠎ᠠ ᠪᠠ ᠤᠨᠴᠠᠯᠢᠭᠳᠤ ᠳᠠᠯ᠎ᠠ ᠨᠢ ᠤᠯᠠᠮ ᠨᠢᠬᠡ ᠠᠯᠬᠤᠮ ᠳᠤᠪᠤᠶᠢᠪᠠ᠃ ᠬᠤᠶᠠᠷ ᠬᠡᠦᠬᠡᠳ ᠳᠦᠷᠦᠬᠦ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠪᠠ᠃ ᠤᠯᠤᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠤᠨ ᠠᠵᠢᠯᠯᠠᠭ᠎ᠠ ᠯᠠᠪᠳᠠᠭᠤᠨ ᠢᠶᠠᠷ ᠦᠷᠨᠢᠪᠡ᠃ ᠬᠤᠳᠠ ᠶᠢᠨ ᠨᠡᠶᠢᠳᠡ ᠶᠢᠨ ᠠᠶᠠᠨᠴᠢᠨ ᠤ ᠳᠡᠬᠡᠬᠡᠪᠦᠷᠢ ᠶᠢᠨ ᠰᠦᠯᠵᠢᠶ᠎ᠠ ᠳᠠᠰᠤᠷᠠᠯᠳᠠ ᠦᠬᠡᠢ ᠳᠡᠬᠦᠯᠳᠡᠷᠵᠢᠵᠤ᠂ ᠨᠡᠶᠢᠳᠡ ᠶᠢᠨ ᠮᠠᠰᠢᠨ ᠳᠡᠷᠬᠡ ᠪᠦᠬᠦ ᠠᠷᠠᠳ ᠲᠤ ᠰᠦᠢᠳᠬᠡᠯ ᠬᠤᠷᠢᠶᠠᠬᠤ ᠦᠬᠡᠢ ᠪᠠᠷ ᠦᠢᠯᠡᠴᠢᠯᠡᠪᠠ᠃ ᠠᠬᠠᠮᠠᠳ ᠺᠠᠳ᠋ᠷᠴᠤᠳ ᠪᠠ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠰᠢᠨ᠎ᠡ ᠪᠠᠷ ᠬᠦᠭᠵᠢᠪᠡ᠃ ᠭᠠᠳᠠᠭᠠᠳᠤ ᠶᠠᠪᠤᠳᠠᠯ᠂ ᠬᠠᠷᠢᠶᠠᠳᠤ ᠶᠢᠨ ᠶᠠᠪᠤᠳᠠᠯ᠂ ᠴᠠᠭ ᠠᠭᠤᠷ᠂ ᠠᠷᠠᠳ ᠤᠨ ᠠᠭᠠᠷ ᠤᠨ ᠰᠡᠷᠬᠡᠶᠢᠯᠡᠯᠳᠡ᠂ ᠳᠠᠩᠰᠠ ᠡᠪᠬᠡᠮᠡᠯ᠂ ᠳᠡᠦᠬᠡ᠂ ᠡᠮᠡᠭᠳᠡᠶᠢᠴᠤᠳ ᠪᠠ ᠬᠡᠦᠬᠡᠳ ᠪᠠᠭᠠᠴᠤᠳ᠂ ᠤᠯᠠᠭᠠᠨ ᠵᠠᠭᠠᠯᠮᠠᠶᠢᠳᠠᠨ ᠤ ᠠᠵᠢᠯ ᠵᠡᠷᠬᠡ ᠠᠵᠢᠯ ᠦᠢᠯᠡᠰ ᠰᠢᠨ᠎ᠡ ᠪᠦᠳᠦᠮᠵᠢ ᠤᠯᠪᠠ᠃ ︵ᠬᠤᠶᠠᠷ︶ ᠨᠡᠶᠢᠬᠡᠮ ᠤᠨ ᠪᠠᠳᠤᠯᠠᠭᠠᠨ ᠤ ᠬᠢᠷᠢ ᠳᠦᠪᠰᠢᠨ ᠳᠤᠭᠳᠠᠭᠤᠨ ᠢᠶᠠᠷ ᠳᠡᠬᠡᠭᠰᠢᠯᠡᠪᠡ᠃ ᠠᠵᠢᠯ ᠤᠯᠭᠤᠵᠤ ᠦᠢᠯᠡᠰ ᠪᠤᠰᠬᠠᠬᠤ ᠳᠦᠷᠦ ᠶᠢᠨ ᠪᠤᠳᠤᠯᠭ᠎ᠠ ᠶᠢ ᠢᠳᠡᠪᠬᠢᠳᠡᠢ ᠳᠤᠤᠱᠯᠠᠭᠤᠯᠵᠤ᠂ 8892 ᠬᠦᠮᠦᠨ ᠳᠤ ᠰᠢᠨ᠎ᠡ ᠪᠠᠷ ᠠᠵᠢᠯ ᠤᠯᠭᠤᠵᠤ᠂ ᠮᠠᠯᠵᠢᠬᠤ ᠲᠠᠷᠢᠶᠠᠯᠠᠬᠤ ᠣᠷᠣᠨ ᠠᠴᠠ ᠰᠢᠯᠵᠢᠬᠦᠯᠵᠤ ᠠᠵᠢᠯ ᠤᠯᠭᠤᠭᠰᠠᠨ ᠳᠤᠭ᠎ᠠ 7413 ᠳᠤ ᠬᠦᠷᠴᠤ᠂ ᠬᠤᠳᠠ ᠪᠠᠯᠭᠠᠰᠣᠨ ᠤ ᠳᠠᠩᠰᠠᠯᠠᠭᠳᠠᠭᠰᠠᠨ ᠠᠵᠢᠯ ᠠᠯᠳᠠᠯᠳᠠ ᠶᠢᠨ ᠨᠣᠷᠮ᠎ᠠ ᠨᠢ 3.8% ᠳᠣᠲᠣᠷ᠎ᠠ ᠲᠣᠭᠳᠠᠪᠦᠷᠢᠵᠢᠪᠠ᠃ ᠬᠤᠳᠠ ᠬᠦᠳᠡᠬᠡᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠬᠠᠷᠠᠭᠠᠯᠵᠠᠬᠤ ᠳᠦᠪᠰᠢᠨ ᠨᠢ ᠪᠦᠬᠦ ᠤᠷᠤᠨ ᠤ ᠬᠤᠶᠠᠳᠤᠭᠠᠷ ᠲᠤ ᠵᠢᠭᠰᠠᠭᠠᠭᠳᠠᠵᠤ᠂ ᠠᠵᠤ ᠠᠬᠤᠶᠢᠯᠠᠯ ᠤᠨ ᠠᠵᠢᠯ ᠠᠴᠠ ᠪᠠᠨ ᠠᠮᠠᠷᠠᠭᠰᠠᠳ ᠢ ᠬᠠᠷᠠᠭᠠᠯᠵᠠᠬᠤ ᠳᠦᠪᠰᠢᠨ ᠨᠢ ᠠᠷᠪᠠᠨ ᠭᠤᠷᠪᠠᠨ ᠵᠢᠯ ᠳᠠᠷᠠᠭᠠᠯᠠᠨ ᠳᠡᠬᠡᠭᠰᠢᠯᠡᠪᠡ᠃ ᠬᠤᠳᠠ ᠬᠦᠳᠡᠬᠡᠨ ᠤ ᠡᠮ ᠡᠮᠨᠡᠯᠭᠡ ᠶᠢᠨ ᠳᠠᠭᠠᠳᠬᠠᠯ ᠢ ᠨᠢᠬᠡᠳᠬᠡᠵᠤ᠂ ᠡᠮᠨᠡᠯᠬᠡ ᠶᠢᠨ ᠳᠠᠭᠠᠳᠬᠠᠯ ᠤᠨ ᠳᠦᠷᠢᠮ᠂ ᠪᠠᠶᠢᠭᠤᠯᠭ᠎ᠠ ᠵᠡᠷᠬᠡ ︽ ᠵᠢᠷᠭᠤᠭᠠᠨ ᠨᠢᠬᠡᠳᠦᠯ︾  ᠢ ᠪᠡᠶᠡᠯᠡᠬᠦᠯᠵᠤ᠂ ᠪᠦᠬᠦ ᠤᠯᠤᠰ ᠤᠨ ᠬᠡᠪᠴᠢᠶᠠᠨ ᠳᠤ ᠡᠮᠨᠡᠯᠬᠡ ᠶᠢᠨ ᠰᠦᠢᠳᠬᠡᠯ ᠤᠨ ᠳᠠᠩᠰᠠ ᠳᠠᠰᠤᠯᠬᠤ ᠶᠢ ᠪᠡᠶᠡᠯᠡᠬᠦᠯᠪᠡ᠃ 725 ᠢᠵᠢ ᠪᠠᠲᠣᠯᠠᠭᠠᠨ ᠤ ᠬᠡᠷ ᠪᠠᠶᠢᠰᠢᠩ ᠢ ᠪᠠᠷᠢᠵᠣ᠂ 674 ᠲᠦᠮᠡᠨ ᠲᠦᠭᠦᠷᠢᠭ ᠤᠨ ᠳᠦᠷᠢᠶᠡᠰᠦᠨ ᠤ ᠨᠥᠬᠦᠪᠦᠷᠢ ᠮᠥᠩᠬᠦ ᠶᠢ ᠲᠠᠷᠬᠠᠭᠠᠵᠣ᠂ 1309 ᠡᠷᠦᠬᠡ ᠲᠣᠣᠷ᠎ᠠ ᠣᠷᠣᠯᠭ᠎ᠠ ᠲᠠᠢ ᠭᠡᠷ ᠪᠦᠯᠢ ᠠᠰᠢᠭ ᠬᠦᠷᠳᠡᠪᠡ᠃ ᠵᠡᠮᠳᠡᠭᠴᠤᠳ ᠤᠨ ︽ᠬᠤᠶᠠᠷ ᠳᠦᠷᠦᠯ ᠤᠨ ᠨᠦᠬᠦᠪᠦᠷᠢ︾ ᠶᠢᠨ ᠳᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠳᠠᠪᠤᠨ ᠵᠢᠯ ᠳᠠᠷᠠᠭᠠᠯᠠᠨ 407 ᠨᠡᠷᠡᠰ ᠬᠦᠳᠡᠭᠡ ᠶᠢᠨ ᠬᠦᠨᠳᠤ ᠵᠡᠮᠳᠡᠭᠴᠤᠳ ᠲᠤ ᠬᠦᠳᠡᠭᠡ ᠶᠢᠨ ᠬᠤᠷᠰᠢᠭᠰᠠᠨ ᠨᠠᠰᠤᠵᠢᠯ ᠤᠨ ᠳᠠᠭᠠᠳᠬᠠᠯ ᠢ ᠳᠤᠰᠢᠶᠠᠵᠤ᠂ 1375 ᠨᠡᠷᠡᠰ ᠬᠤᠳᠠ ᠪᠠᠯᠭᠠᠰᠤᠨ ᠤ ᠵᠡᠮᠳᠡᠭᠴᠤᠳ ᠲᠤ ᠡᠮ ᠡᠮᠨᠡᠯᠬᠡ ᠶᠢᠨ ᠳᠠᠭᠠᠳᠬᠠᠯ ᠢ ᠳᠤᠰᠢᠶᠠᠵᠤ᠂ 457 ᠡᠷᠦᠬᠡ ᠶᠠᠳᠠᠭᠤ ᠬᠦᠴᠢᠷᠳᠡᠯ ᠲᠠᠢ ᠵᠡᠮᠳᠡᠭᠴᠤᠳ ᠤᠨ ᠬᠡᠷ ᠪᠦᠯᠢ ᠳᠤ ᠰᠠᠭᠠᠳ ᠦᠬᠡᠢ ᠨᠡᠪᠳᠡᠷᠡᠬᠦ ᠳᠦᠬᠦᠬᠡᠷᠦᠮᠵᠢ ᠶᠢ ᠤᠭᠰᠠᠷᠠᠪᠠ᠃ ᠬᠤᠳᠠ ᠬᠦᠳᠡᠭᠡ ᠶᠢᠨ ᠳᠤᠤᠷ᠎ᠠ ᠪᠠᠳᠤᠯᠠᠭᠠᠨ ᠤ ᠪᠠᠷᠢᠮᠵᠢᠶ᠎ᠠ ᠶᠢ ᠵᠢᠯ  ᠳᠠᠷᠠᠭᠠᠯᠠᠨ ᠦᠰᠬᠡᠵᠤ᠂ ᠳᠠᠪᠤᠨ ᠪᠠᠳᠤᠯᠠᠭᠠᠳᠤ ᠡᠷᠦᠬᠡ ᠶᠢ ᠠᠰᠠᠷᠠᠨ ᠳᠡᠳᠬᠦᠬᠦ᠂ ᠳᠦᠷ ᠴᠠᠭ ᠠᠪᠤᠷᠠᠨ ᠳᠤᠰᠠᠯᠠᠬᠤ᠂ ᠨᠡᠶᠢᠬᠡᠮ ᠤᠨ ᠠᠰᠠᠷᠠᠮᠵᠢ ᠵᠡᠷᠬᠡ ᠠᠷᠠᠳ ᠢ ᠬᠠᠷᠠᠭᠠᠯᠵᠠᠬᠤ ᠳᠦᠷᠦ ᠶᠢᠨ ᠪᠤᠳᠤᠯᠭ᠎ᠠ ᠪᠦᠬᠦ ᠳᠠᠯ᠎ᠠ ᠪᠠᠷ ᠨᠠᠶᠢᠳᠠᠪᠤᠷᠢᠵᠢᠵᠤ᠂ ᠬᠤᠳᠠ ᠬᠦᠳᠡᠭᠡ ᠶᠢᠨ ᠨᠡᠶᠢᠬᠡᠮ ᠤᠨ ᠪᠠᠳᠤᠯᠠᠭᠠᠨ ᠤ ᠳᠤᠭᠳᠠᠯᠴᠠᠭ᠎ᠠ ᠡᠳᠦᠷ ᠢᠷᠡᠬᠦᠶ᠎ᠡ ᠳᠡᠬᠦᠯᠳᠡᠷᠵᠢᠪᠡ᠃ ︵ᠭᠤᠷᠪᠠ︶ ᠨᠡᠶᠢᠬᠡᠮ ᠤᠨ ᠵᠠᠰᠠᠨ ᠴᠡᠭᠴᠡᠯᠡᠯᠳᠡ ᠶᠢᠨ ᠴᠢᠳᠠᠪᠬᠢ ᠤᠯᠠᠮ ᠨᠢᠬᠡ ᠠᠯᠬᠤᠮ ᠴᠢᠩᠭᠠᠷᠠᠪᠠ᠃ ︽ ᠠᠮᠤᠭᠤᠯᠠᠩᠳᠤ ᠠᠯᠠᠱᠠ ᠵᠡᠬᠦᠨ ᠬᠤᠰᠢᠭᠤ︾ ᠬᠦᠨᠵᠡᠬᠡᠢ ᠠᠬᠢᠵᠤ᠂ ᠡᠯ᠎ᠡ ᠳᠦᠷᠦᠯ ᠤᠨ ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭᠠᠨ ᠳᠤ ᠪᠦᠳᠦᠮᠵᠢᠳᠡᠢ ᠴᠤᠬᠢᠯᠳᠠ ᠦᠭᠴᠤ᠂ ᠠᠷᠠᠳ ᠤᠯᠠᠨ ᠤ ᠠᠮᠤᠷ ᠳᠦᠪᠰᠢᠨ ᠳᠦᠷᠦᠭᠳᠡᠯ ᠦᠷᠬᠦᠯᠵᠢᠯᠡᠨ ᠨᠡᠮᠡᠭᠳᠡᠪᠡ᠃ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ ᠳᠤᠤᠱᠯᠠᠭᠤᠯᠵᠤ᠂ ᠬᠢᠨᠠᠨ ᠬᠠᠮᠢᠶᠠᠷᠬᠤ ᠬᠡᠯᠪᠡᠷᠢ ᠪᠠᠨ ᠰᠢᠨᠡᠳᠬᠡᠨ᠂ ᠠᠶᠤᠯᠬᠦᠢ ᠦᠢᠯᠡᠳᠪᠦᠷᠢᠯᠡᠯ ᠤᠨ ᠶᠡᠷᠦᠩᠬᠡᠶᠢᠯᠡᠭᠰᠡᠨ ᠬᠠᠤᠯᠢ ᠬᠡᠷᠡᠭᠵᠢᠬᠦᠯᠬᠦ ᠠᠩᠬᠢ ᠶᠢ ᠪᠠᠶᠢᠭᠤᠯᠵᠤ᠂ ᠭᠤᠷᠪᠠᠳᠠᠭᠴᠢ ᠳᠠᠯ᠎ᠠ ᠶᠢᠨ ᠪᠠᠶᠢᠭᠤᠯᠭ᠎ᠠ ᠶᠢ ᠤᠷᠢᠨ ᠵᠠᠯᠠᠵᠤ᠂ ᠨᠢᠬᠡᠳᠦᠬᠡᠷ ᠹᠷᠤᠨᠲ ᠤᠨ ᠠᠶᠤᠯᠬᠦᠢ ᠦᠢᠯᠡᠳᠪᠦᠷᠢᠯᠡᠯ ᠤᠨ ᠳᠠᠯᠳᠠ ᠬᠡᠮ ᠠᠰᠠᠭᠤᠳᠠᠯ ᠢ ᠴᠡᠭᠴᠡᠯᠡᠵᠤ ᠰᠢᠯᠭᠠᠨ ᠬᠤᠷᠢᠶᠠᠬᠤ ᠠᠵᠢᠯ ᠢ ᠦᠷᠨᠢᠬᠦᠯᠵᠤ᠂ ᠦᠢᠯᠡᠳᠪᠦᠷᠢᠯᠡᠯ ᠤᠨ ᠠᠶᠤᠯᠬᠦᠢ ᠪᠠᠶᠢᠳᠠᠯ ᠳᠤᠭᠳᠠᠭᠤᠨ ᠢᠶᠠᠷ ᠰᠠᠶᠢᠵᠢᠷᠠᠪᠠ᠃ ᠢᠳᠡᠬᠡᠨ ᠤ ᠵᠦᠢᠯ ᠡᠮ ᠤᠨ ᠵᠦᠢᠯᠡᠰ ᠤᠨ ᠠᠮᠤᠷ ᠳᠦᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ︽ᠴᠡᠪᠡᠷ ᠳᠤᠩᠭᠠᠯᠠᠭ ᠳᠤᠭᠤᠭᠠᠨ ᠬᠡᠷ︾ ᠪᠠ ᠢᠳᠡᠬᠡᠨ ᠤ ᠵᠦᠢᠯ ᠡᠮ ᠤᠨ ᠵᠦᠢᠯᠡᠰ ᠤᠨ ᠡᠯᠧᠭᠲᠷᠤᠨ ᠬᠢᠨᠠᠨ ᠡᠵᠡᠮᠰᠢᠯᠳᠡ ᠶᠢᠨ ᠢᠨᠵᠧᠨᠧᠷᠢᠩ ᠢ ᠬᠡᠷᠡᠭᠵᠢᠬᠦᠯᠵᠤ᠂  77 ᠵᠢᠱᠢᠶ᠎ᠠ ᠦᠵᠡᠬᠦᠯᠬᠦ ᠰᠤᠮᠤ ᠪᠠᠯᠭᠠᠰᠤ ᠂ ᠵᠡᠬᠡᠯᠢ᠂ ᠳᠡᠯᠬᠡᠬᠦᠷ ᠢ ᠴᠤᠭᠴᠠᠯᠠᠵᠤ᠂  ᠪᠦᠸᠧ ᠯᠦᠩ  ᠢᠳᠡᠬᠡᠨ ᠤ ᠵᠦᠢᠯᠡᠰ ᠢ ᠪᠤᠯᠪᠠᠰᠤᠷᠠᠭᠤᠯᠬᠤ ᠬᠦᠷᠢᠶᠡᠯᠡᠩ ᠢ ᠪᠠᠶᠢᠭᠤᠯᠪᠠ᠃ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠵᠠᠷᠭᠤ ᠶᠢᠨ ᠠᠰᠠᠭᠤᠳᠠᠯ ᠢ ᠪᠦᠳᠦᠮᠵᠢᠳᠡᠢ ᠰᠢᠢᠳᠪᠦᠷᠢᠯᠡᠵᠤ᠂ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠢ ᠬᠡᠮᠵᠢᠶ᠎ᠡ ᠶᠡᠬᠡᠪᠡᠷ ᠪᠠᠭᠤᠷᠠᠪᠠ᠃ ᠪᠠᠴᠢᠮ ᠢ ᠠᠷᠭᠠᠴᠠᠭᠠᠵᠤ ᠠᠪᠤᠷᠠᠨ ᠳᠤᠰᠠᠯᠠᠬᠤ ᠬᠠᠮᠢᠶᠠᠷᠤᠯᠳᠠ ᠶᠢᠨ ᠳᠤᠭᠳᠠᠯᠴᠠᠭ᠎ᠠ ᠠᠯᠬᠤᠮ ᠳᠠᠷᠠᠭ᠎ᠠ ᠲᠠᠢ ᠪᠠᠷ ᠳᠡᠬᠦᠯᠳᠡᠷᠵᠢᠵᠤ᠂ ︽4.15︾ ᠪᠠ ︽6.3︾ ᠤ ᠭᠠᠵᠠᠷ ᠬᠦᠳᠡᠯᠦᠯᠳᠡ ᠶᠢᠨ ᠭᠠᠮᠰᠢᠭ ᠢ ᠢᠳᠡᠪᠬᠢᠳᠡᠢ ᠠᠷᠭᠠᠴᠠᠭᠠᠵᠤ᠂ 3460 ᠳᠦᠮᠡᠨ ᠳᠦᠬᠦᠷᠢᠭ ᠤᠨ ᠪᠡᠯᠡ ᠤᠷᠤᠭᠤᠯᠵᠤ ᠭᠠᠮᠰᠢᠭ ᠤᠨ ᠬᠤᠶᠢᠨᠠᠬᠢ ᠰᠡᠷᠬᠦᠬᠡᠨ ᠪᠠᠶᠢᠭᠤᠯᠬᠤ ᠶᠢ ᠬᠦᠢᠴᠡᠳᠬᠡᠪᠡ᠃ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ  ᠦᠢᠯᠡᠰ ᠳᠠᠰᠤᠷᠠᠯᠳᠠ ᠦᠬᠡᠢ ᠬᠦᠭᠵᠢᠵᠤ᠂ ᠦᠯᠵᠡᠢ ᠰᠤᠮᠤ᠂ ᠮᠤᠩᠭᠤᠯ ᠦᠨᠳᠦᠰᠦᠳᠡᠨ ᠤ ᠰᠤᠷᠭᠠᠭᠤᠯᠢ ᠵᠡᠷᠬᠡ 4 ᠬᠠᠮᠳᠤ ᠨᠡᠶᠢᠳᠡ ᠨᠢ ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠵᠢᠱᠢᠶ᠎ᠡ ᠦᠵᠡᠬᠦᠯᠬᠦ ᠪᠠᠶᠢᠭᠤᠯᠭ᠎ᠠ ᠪᠠ ᠳᠠᠭᠤᠷᠢᠶᠠᠯ ᠦᠵᠡᠬᠦᠯᠬᠦ ᠬᠠᠮᠳᠤ ᠨᠡᠶᠢᠳᠡ ᠪᠠᠷ ᠦᠨᠡᠯᠡᠭᠳᠡᠪᠡ᠃ ᠱᠠᠰᠢᠨ ᠰᠤᠷᠳᠠᠬᠤᠨ ᠤ ᠬᠠᠮᠢᠶᠠᠷᠤᠯᠳᠠ ᠶᠢ ᠪᠦᠬᠦ ᠳᠠᠯ᠎ᠠ ᠪᠠᠷ ᠴᠢᠩᠭᠠᠳᠬᠠᠵᠤ᠂ 10 ᠬᠠᠤᠯᠢ ᠪᠤᠰᠤ ᠱᠠᠰᠢᠨ ᠰᠤᠷᠳᠠᠬᠤᠨ ᠤ ᠠᠵᠢᠯᠯᠠᠭᠠᠨ ᠤ ᠳᠠᠯᠠᠪᠤᠷ ᠢ ᠦᠬᠡᠶᠢᠰᠬᠢᠪᠡ᠃ ᠴᠡᠷᠢᠭ ᠠᠷᠠᠳ ᠤᠶᠠᠯᠳᠤᠨ ᠬᠦᠭᠵᠢᠬᠦ ᠪᠠᠶᠢᠯᠳᠤᠬᠤ ᠪᠤᠳᠤᠯᠭ᠎ᠠ ᠳᠤᠭᠳᠠᠭᠤᠨ ᠢᠶᠠᠷ ᠠᠬᠢᠵᠤ᠂ ᠬᠤᠶᠠᠷ ᠢ ᠬᠦᠷᠢᠶᠡᠯᠡᠵᠤ ᠬᠠᠮᠳᠤᠪᠠᠷ ᠴᠤᠭᠴᠠᠯᠠᠬᠤ ᠠᠵᠢᠯ ᠳᠠᠰᠤᠷᠠᠯᠳᠠ ᠦᠬᠡᠢ ᠬᠦᠨᠵᠡᠬᠡᠶᠢᠷᠡᠵᠤ᠂ 7 ᠵᠢᠯ ᠳᠠᠷᠠᠭᠠᠯᠠᠨ ᠦᠪᠡᠷᠳᠡᠬᠡᠨ ᠵᠠᠰᠠᠬᠤ ᠤᠷᠤᠨ ᠤ ︽ᠬᠤᠶᠠᠷ ᠢ ᠬᠦᠷᠢᠶᠡᠯᠡᠭᠰᠡᠨ ᠵᠢᠱᠢᠶ᠎ᠡ ᠦᠵᠡᠬᠦᠯᠬᠦ ᠬᠤᠰᠢᠭᠤ︾ ᠪᠠᠷ ᠦᠨᠡᠯᠡᠭᠳᠡᠪᠡ᠃ᠳᠤᠯᠤᠭ᠎ᠠ᠂ ᠦᠬᠡᠷᠡᠴᠢᠯᠡᠯᠳᠡ ᠬᠦᠭᠵᠢᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠵᠤ᠂ ᠳᠤᠳᠤᠭᠠᠳᠤ ᠬᠦᠳᠡᠯᠬᠡᠭᠴᠢ ᠬᠦᠴᠦ ᠨᠢ ᠤᠯᠠᠮ ᠨᠢᠬᠡ ᠠᠯᠬᠤᠮ ᠴᠢᠩᠭᠠᠷᠠᠪᠠᠠᠵᠤ ᠠᠬᠤᠢ ᠶᠢᠨ ᠳᠤᠭᠳᠠᠯᠴᠠᠭ᠎ᠠ᠂ ᠠᠮᠢ ᠠᠬᠤᠢ ᠶᠢᠨ ᠪᠤᠯᠪᠠᠰᠤᠨ᠂ ᠬᠠᠤᠯᠢ ᠴᠠᠭᠠᠵᠠ ᠶᠢᠨ ᠳᠤᠭᠳᠠᠯᠴᠠᠭ᠎ᠠ᠂ ᠨᠡᠶᠢᠬᠡᠮ ᠪᠠ ᠠᠷᠠᠳ ᠤᠨ ᠠᠮᠢᠳᠤᠷᠠᠯ᠂ ᠰᠤᠶᠤᠯ ᠤᠨ ᠳᠤᠭᠳᠠᠯᠴᠠᠭ᠎ᠠ ᠵᠡᠷᠬᠡ ᠭᠤᠤᠯᠳᠠᠯᠭᠠᠳᠤ ᠬᠦᠷᠢᠶ᠎ᠡ ᠴᠠᠷ᠎ᠠ ᠪᠠ ᠵᠠᠩᠬᠢᠯᠠᠭ᠎ᠠ ᠶᠢᠨ ᠳᠠᠯ᠎ᠠ ᠳᠤ ᠳᠦᠪᠯᠡᠷᠡᠬᠦᠯᠵᠤ᠂ 509 ᠳᠦᠷᠦᠯ ᠤᠨ ᠦᠬᠡᠷᠡᠴᠢᠯᠡᠯᠳᠡ ᠶᠢ ᠡᠬᠢᠯᠡᠬᠦᠯᠦᠨ᠂ 489 ᠳᠦᠷᠦᠯ ᠢ ᠬᠦᠢᠴᠡᠳᠬᠡᠵᠤ᠂ 450 ᠳᠦᠷᠦᠯ ᠤᠨ ᠦᠷ᠎ᠡ ᠪᠦᠳᠦᠮᠵᠢ ᠶᠢ ᠤᠯᠪᠠ᠃ ᠠᠮᠢ ᠠᠬᠤᠢ ᠶᠢᠨ ᠪᠤᠯᠪᠠᠰᠤᠨ ᠤ ᠳᠤᠭᠳᠠᠯᠴᠠᠭ᠎ᠠ᠂ ᠳᠠᠷᠢᠶᠠᠯᠠᠠᠩ ᠪᠠ ᠠᠵᠤ ᠠᠬᠤᠶᠢᠯᠠᠯ ᠤᠨ ᠦᠷ᠎ᠡ ᠠᠰᠢᠭ ᠢ ᠬᠤᠯᠪᠤᠭᠳᠠᠭᠤᠯᠬᠤ ᠳᠤᠭᠳᠠᠯᠴᠠᠭ᠎ᠠ ᠪᠠ ᠳᠤᠳᠤᠭᠠᠳᠤ ᠭᠠᠳᠠᠭᠠᠳᠤ ᠳᠤ ᠨᠡᠬᠡᠬᠡᠯᠳᠡ ᠲᠠᠢ ︽ᠭᠤᠷᠪᠠᠨ ᠳᠦᠷᠦᠯ ᠢ ᠤᠷᠢᠳᠴᠢᠯᠠᠨ ᠬᠡᠷᠡᠭᠵᠢᠬᠦᠯᠬᠦ ᠪᠠ ᠳᠤᠷᠰᠢᠬᠤ ︾ ᠦᠬᠡᠷᠡᠴᠢᠯᠡᠯᠳᠡ ᠪᠠᠷ ᠵᠢᠯᠤᠭᠤᠳᠤᠮᠵᠢ ᠪᠤᠯᠭᠠᠵᠤ᠂ ᠤᠯᠤᠰ ᠤᠨ ᠳᠡᠰ ᠤᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ᠂ ᠤᠷᠤᠨ ᠤ ᠳᠡᠰ ᠤᠨ ᠨᠤᠳᠤᠭ ᠪᠡᠯᠴᠢᠬᠡᠷ ᠤᠨ ᠡᠷᠬᠡ ᠶᠢᠨ ᠳᠠᠭᠠᠭᠠᠴᠢᠯᠠᠯᠳᠠ᠂ ᠪᠠᠭ᠎ᠠ ᠬᠡᠯᠪᠡᠷᠢ ᠶᠢᠨ ᠤᠰᠤᠨ ᠠᠰᠢᠭᠯᠠᠯᠳᠠ ᠶᠢᠨ ᠢᠨᠵᠧᠨᠧᠷᠢᠩ ᠤᠨ ᠬᠠᠮᠢᠶᠠᠷᠤᠯᠳᠠ ᠶᠢᠨ ᠳᠤᠭᠳᠠᠯᠴᠠᠭ᠎ᠠ ᠪᠠ ᠤᠰᠤᠨ ᠤ ᠡᠷᠬᠡ ᠶᠢᠨ ᠰᠤᠯᠢᠯᠴᠠᠭᠠᠨ ᠤ ᠳᠤᠷᠰᠢᠯᠳᠠ ᠶᠢᠨ ᠦᠬᠡᠷᠡᠴᠢᠯᠡᠯᠳᠡ ᠶᠢ ᠬᠦᠵᠡᠬᠡᠢ ᠠᠬᠢᠭᠤᠯᠪᠠ᠃ ︽ᠵᠠᠰᠠᠭ ᠤᠨ ᠡᠷᠬᠡ ᠶᠢ ᠰᠤᠯᠠᠯᠠᠬᠤ᠂ ᠬᠠᠮᠢᠶᠠᠷᠬᠤ᠂ ᠦᠢᠯᠡᠴᠢᠯᠡᠬᠦ  ︾ ᠦᠬᠡᠷᠡᠴᠢᠯᠡᠯᠳᠡ ᠶᠢ ᠪᠦᠬᠦ ᠳᠠᠯ᠎ᠠ ᠪᠠᠷ ᠠᠬᠢᠭᠤᠯᠵᠤ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠭᠰᠡᠨ ᠬᠡᠷᠡᠭ ᠶᠠᠪᠤᠳᠠᠯ ᠨᠢ 267 ᠳᠦᠷᠦᠯ ᠠᠴᠠ ᠴᠤᠮᠬᠠᠳᠬᠠᠭᠳᠠᠨ 29 ᠳᠦᠷᠦᠯ ᠪᠤᠯᠵᠤ᠂ ᠵᠠᠰᠠᠭ ᠵᠠᠬᠢᠷᠭᠠᠨ ᠤ ᠡᠷᠬᠡ ᠨᠢ 7471 ᠳᠦᠷᠦᠯ ᠠᠴᠠ ᠴᠤᠮᠬᠠᠳᠬᠠᠭᠳᠠᠨ 2929 ᠳᠦᠷᠦᠯ ᠪᠤᠯᠤᠭᠰᠠᠨ ᠪᠠᠶᠢᠨ᠎ᠠ᠃ ᠠᠶᠢᠮᠠᠭ᠂ ᠬᠤᠰᠢᠭᠤ᠂ ᠰᠤᠮᠤ ᠪᠠᠯᠭᠠᠰᠤ ᠭᠤᠷᠪᠠᠨ ᠳᠡᠰ ᠤᠨ ᠵᠠᠰᠠᠭ ᠵᠠᠬᠢᠷᠭᠠᠨ ᠤ ᠦᠢᠯᠡᠴᠢᠯᠡᠬᠡᠨ ᠤ ᠳᠢᠩᠬᠢᠮ ᠢ ᠪᠠᠶᠢᠭᠤᠯᠵᠤ᠂ ︽ᠨᠢᠬᠡ ᠳᠢᠩᠬᠢᠮ ᠳᠤ ᠤᠯᠠᠨ ᠭᠠᠷ ᠬᠦᠢᠴᠡᠳᠬᠡᠯ ᠢᠶᠠᠨ ᠬᠦᠢᠴᠡᠳᠬᠡᠬᠦ︾ ᠶᠢ ᠪᠡᠶᠡᠯᠡᠬᠦᠯᠪᠡ᠃ ᠪᠡᠯᠡ ᠮᠦᠩᠬᠦ ᠤᠷᠤᠭᠤᠯᠬᠤ᠂ ᠬᠤᠷᠠᠮᠳᠤᠭᠤᠯᠬᠤ ᠳᠤᠭᠳᠠᠯᠴᠠᠭᠠᠨ ᠤ ᠦᠬᠡᠷᠡᠴᠢᠯᠡᠯᠳᠡ ᠶᠢ ᠬᠦᠨᠵᠡᠬᠡᠢ ᠠᠬᠢᠭᠤᠯᠵᠤ᠂ ᠬᠤᠳᠠ ᠶᠢᠨ ᠪᠦᠳᠦᠬᠡᠨ ᠪᠠᠶᠢᠭᠤᠯᠤᠯᠳᠠ ᠶᠢᠨ ᠪᠡᠯᠡ ᠤᠷᠤᠭᠤᠯᠤᠯᠳᠠ ᠶᠢᠨ ᠺᠤᠮᠫᠠᠨᠢ ᠶᠢᠨ ᠬᠡᠯᠪᠡᠷᠢ ᠶᠢ ᠬᠤᠪᠢᠷᠠᠭᠤᠯᠤᠨ ᠮᠦᠩᠬᠦᠨ ᠬᠦᠢᠯᠬᠡᠬᠡᠨ ᠤ ᠬᠤᠪᠢ ᠡᠵᠡᠮᠰᠢᠯᠳᠤ ᠺᠤᠮᠫᠠᠨᠢ ᠪᠤᠯᠭᠠᠵᠤ᠂ ᠪᠦᠬᠦ ᠬᠤᠰᠢᠭᠤᠨ ᠤ ᠠᠵᠤ ᠠᠬᠤᠢ ᠨᠡᠶᠢᠬᠡᠮ ᠤᠨ ᠬᠦᠭᠵᠢᠯᠳᠡ ᠳᠤ ᠮᠦᠩᠬᠦᠨ ᠬᠦᠢᠯᠬᠡᠬᠡᠨ ᠤ ᠳᠤᠯᠭᠠᠭᠤᠷᠢᠯᠠᠯ ᠪᠤᠯᠪᠠ᠃ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠬᠦᠨᠵᠡᠬᠡᠢ ᠠᠬᠢᠭᠤᠯᠵᠤ᠂ ︽ᠵᠠᠰᠠᠭ ᠤᠨ ᠤᠷᠳᠤᠨ+ ᠵᠠᠬ᠎ᠠ ᠳᠡᠯᠬᠡᠬᠦᠷ︾ ᠬᠡᠯᠪᠡᠷᠢ ᠶᠢᠨ ᠬᠤᠳᠠ ᠶᠢᠨ ᠬᠠᠮᠢᠶᠠᠷᠤᠯᠳᠠ ᠶᠢᠨ ᠰᠢᠨ᠎ᠡ ᠬᠡᠯᠪᠡᠷᠢ ᠶᠢ ᠬᠡᠷᠡᠭᠵᠢᠬᠦᠯᠵᠤ᠂ ᠭᠤᠤᠯ ᠵᠡᠬᠡᠯᠢ ᠭᠤᠳᠤᠮᠵᠢ ᠶᠢᠨ ᠴᠡᠪᠡᠷᠯᠡᠯᠳᠡ᠂ ᠬᠡᠰᠡᠭ ᠨᠡᠶᠢᠳᠡ ᠶᠢᠨ ᠵᠤᠷᠯᠦᠩ  ᠤᠨ ᠠᠷᠢᠭᠤᠨ ᠴᠡᠪᠡᠷ ᠤᠨ ᠠᠵᠢᠯ ᠢ  ᠰᠢᠯᠵᠢᠬᠦᠯᠵᠤ ᠵᠠᠬ᠎ᠠ ᠳᠡᠯᠬᠡᠬᠦᠷᠵᠢᠯᠳᠡ ᠶᠢᠨ ᠮᠠᠶ᠋ᠢᠭ ᠢᠶᠠᠷ ᠠᠵᠢᠯᠯᠠᠭᠤᠯᠤᠨ᠂ ᠬᠤᠳᠠ ᠶᠢᠨ ᠬᠠᠮᠢᠶᠠᠷᠤᠯᠳᠠ ᠶᠢᠨ ︽ᠬᠠᠮᠢᠶᠠᠷᠤᠯᠳᠠ ᠪᠠ ᠬᠡᠷᠡᠭᠵᠢᠬᠦᠯᠦᠯᠳᠡ ᠨᠢ ᠢᠯᠭᠠᠪᠤᠷᠢ ᠦᠬᠡᠢ︾ ᠪᠠᠶᠢᠳᠠᠯ ᠢ ᠦᠬᠡᠷᠡᠴᠢᠯᠡᠵᠤ᠂ ᠬᠤᠳᠠ ᠶᠢᠨ ᠬᠠᠮᠢᠶᠠᠷᠤᠯᠳᠠ ᠶᠢᠨ ᠬᠢᠷᠢ ᠳᠦᠪᠰᠢᠨ ᠢᠶᠠᠨ ᠳᠡᠬᠡᠭᠰᠢᠯᠡᠬᠦᠯᠪᠠ᠃ ᠤᠮᠠᠷᠠᠰᠢ ᠨᠡᠬᠡᠬᠡᠬᠦ ᠳᠦᠷᠦ ᠶᠢᠨ ᠪᠤᠳᠤᠯᠭ᠎ᠠ ᠴᠢᠬᠤᠯᠠ ᠠᠬᠢᠴᠠ ᠲᠠᠢ ᠪᠤᠯᠵᠤ᠂ ᠦᠯᠵᠡᠢ ᠪᠤᠭᠤᠮᠳᠠ ᠨᠡᠬᠡᠬᠡᠬᠦ  ᠵᠦᠪᠰᠢᠶᠡᠷᠡᠯ ᠢ ᠤᠯᠵᠤ᠂ ᠪᠤᠭᠤᠮᠳᠠ ᠶᠢᠨ ᠵᠠᠮ᠂ ᠤᠰᠤᠨ ᠤ ᠬᠠᠩᠭᠠᠯᠳᠠ ᠪᠠ ᠴᠠᠬᠢᠯᠭᠠᠨ ᠬᠠᠩᠭᠠᠯᠳᠠ ᠶᠢᠨ ᠢᠨᠵᠧᠨᠧᠷᠢᠩ ᠠᠵᠢᠯ ᠢᠶᠠᠨ ᠡᠬᠢᠯᠡᠬᠦᠯᠪᠡ᠃ ᠪᠦᠰᠡ ᠤᠷᠤᠨ ᠤ ᠬᠠᠮᠳᠤᠷᠠᠯᠴᠠᠭ᠎ᠠ ᠪᠠᠨ ᠤᠯᠠᠮ ᠨᠢᠬᠡ ᠠᠯᠬᠤᠮ ᠴᠢᠩᠭᠠᠳᠬᠠᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠤᠭᠰᠠᠨ ᠳᠦᠷᠦᠯ ᠵᠦᠢᠯ ᠢ 94 ᠳᠤ ᠬᠦᠷᠬᠡᠵᠤ᠂ 172.2 ᠳ᠋ᠦᠩᠰᠢᠭᠤᠷ ᠳᠦᠬᠦᠷᠢᠭ ᠤᠨ ᠪᠡᠯᠡ ᠮᠦᠩᠬᠦ ᠶᠢ ᠪᠡᠯᠡᠨ ᠪᠤᠯᠭᠠᠪᠠ᠃ ᠨᠠᠢᠮᠠ᠂ ᠰᠤᠷᠳᠠᠯ ᠤᠨ ᠪᠠᠶᠢᠭᠤᠯᠤᠯᠳᠠ ᠪᠠᠨ ᠳᠠᠰᠤᠷᠠᠯᠳᠠ ᠦᠬᠡᠢ ᠰᠠᠶᠢᠵᠢᠷᠠᠭᠤᠯᠵᠤ᠂ ᠠᠷᠠᠳᠴᠢᠯᠠᠭᠰᠠᠨ ᠬᠠᠤᠯᠢ ᠪᠠᠷ ᠵᠠᠰᠠᠬᠤ ᠠᠵᠢᠯ ᠳᠤᠭᠳᠠᠭᠤᠨ ᠢᠶᠠᠷ ᠠᠬᠢᠪᠠ ᠨᠠᠮ ᠤᠨ ᠤᠯᠠᠨ ᠳᠦᠮᠡᠨᠴᠢ ᠦᠢᠯᠡᠳᠦᠯᠬᠡ ᠬᠦᠮᠦᠵᠢᠯ ᠤᠨ ᠠᠵᠢᠯᠯᠠᠭ᠎ᠠ᠂ ︽ᠭᠤᠷᠪᠠᠨ ᠴᠢᠩᠭ᠎ᠠ ᠭᠤᠷᠪᠠᠨ  ᠪᠤᠳᠠᠳᠠᠢ ︾ ᠳᠤᠰᠬᠠᠢ ᠰᠡᠳᠦᠪᠳᠤ ᠬᠦᠮᠦᠵᠢᠯ᠂ ︽ᠦᠩᠬᠡᠷᠡᠬᠦ ᠭᠠᠯᠠᠭᠤᠳ ᠠᠴᠠ ᠦᠳᠦ ᠰᠤᠭᠤᠯᠬᠤ︾ ᠬᠡᠯᠪᠡᠷᠢ ᠶᠢᠨ ᠢᠯᠵᠢᠷᠡᠮᠡᠯ ᠠᠰᠠᠭᠤᠳᠠᠯ ᠢ ᠳᠦᠪᠯᠡᠷᠡᠬᠦᠯᠦᠨ ᠴᠡᠭᠴᠡᠯᠡᠬᠦ᠂ ︽ᠬᠤᠶᠠᠷ ᠢ ᠰᠤᠷᠤᠯᠴᠠᠵᠤ ᠬᠢᠷᠢ ᠳᠡᠩᠴᠡᠭᠰᠡᠨ ᠨᠠᠮ ᠤᠨ ᠬᠡᠰᠢᠬᠦᠨ ᠪᠤᠯᠬᠤ︾ ᠰᠤᠷᠤᠯᠴᠠᠯᠭ᠎ᠠ ᠬᠦᠮᠦᠵᠢᠯ ᠤᠨ ᠪᠠᠶᠢᠩᠭᠤᠵᠢᠯᠳᠠ ᠳᠦᠷᠢᠮᠵᠢᠯᠳᠡ ᠶᠢ ᠠᠬᠢᠭᠤᠯᠵᠤ᠂ ᠰᠤᠷᠳᠠᠯ ᠤᠨ ᠪᠠᠶᠢᠭᠤᠯᠤᠯᠳᠠ ᠳᠠᠰᠤᠷᠠᠯᠳᠠ ᠦᠬᠡᠢ ᠴᠢᠩᠭᠠᠷᠠᠪᠠ᠃ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠵᠢᠴᠢ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶᠠᠨ ᠤ ᠬᠠᠤᠯᠢ ᠶᠢᠨ ᠬᠢᠨᠠᠯᠳᠠ᠂ ᠤᠯᠤᠰ ᠳᠦᠷᠦ ᠶᠢᠨ ᠵᠦᠪᠯᠡᠯᠬᠡᠨ ᠤ ᠠᠷᠠᠳᠴᠢᠯᠠᠠᠭᠰᠠᠨ ᠬᠢᠨᠠᠯᠳᠠ ᠪᠠ ᠨᠡᠶᠢᠬᠡᠮ ᠤᠨ ᠬᠡᠯᠡᠯᠴᠡᠬᠡᠷ ᠤᠨ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠤ᠂ 110 ᠰᠠᠨᠠᠯ ᠳᠤᠷᠠᠳᠤᠯᠭ᠎ᠠ ᠪᠠ 415 ᠰᠠᠨᠠᠯ ᠵᠦᠪᠯᠡᠯᠬᠡ ᠶᠢ ᠬᠦᠢᠴᠡᠳᠬᠡᠵᠤ᠂ ᠬᠦᠢᠴᠡᠳᠬᠡᠭᠰᠡᠨ ᠨᠤᠷᠮ᠎ᠠ ᠨᠢ 100% ᠳᠤ ᠬᠦᠷᠴᠤ᠂ ᠬᠠᠨᠤᠮᠵᠢ ᠶᠢᠨ ᠨᠤᠷᠮ᠎ᠠ ᠨᠢ 95% ᠠᠴᠠ ᠳᠡᠬᠡᠭᠰᠢ ᠳᠤ ᠬᠦᠷᠦᠭᠰᠡᠨ ᠪᠠᠶᠢᠨ᠎ᠠ᠃ ᠳᠦᠪ ᠤᠨ ︽ᠨᠠᠢᠮᠠᠨ ᠳᠤᠭᠳᠠᠭᠠᠯ︾ ᠢ ᠴᠢᠩᠭ᠎ᠠ ᠵᠢᠷᠤᠮᠯᠠᠵᠤ᠂ ᠠᠯᠪᠠᠨ ᠳᠡᠷᠬᠡ ᠪᠠ  ᠠᠯᠪᠠᠨ ᠬᠡᠷ ᠤᠨ ᠪᠠᠷᠢᠮᠵᠢᠶ᠎ᠠ ᠶᠢ ᠬᠢᠨᠠᠮᠠᠭᠠᠢ ᠬᠡᠷᠡᠭᠵᠢᠬᠦᠯᠵᠤ᠂ ︽ᠭᠤᠷᠪᠠᠨ ᠳᠦᠷᠦᠯ ᠤᠨ ᠠᠯᠪᠠᠨ ᠵᠠᠷᠤᠳᠠᠯ︾ ᠤᠨ ᠵᠠᠷᠤᠯᠭ᠎ᠠ ᠨᠢ ᠳᠡᠭᠰᠢᠳᠬᠡᠭᠡᠳ 24.5% ᠪᠠᠷ ᠪᠠᠭᠤᠷᠠᠪᠠ᠃ ᠬᠠᠤᠯᠢ ᠶᠤᠰᠤᠭᠠᠷ ᠵᠠᠰᠠᠭ ᠪᠠᠷᠢᠬᠤ ᠶᠢ ᠳᠤᠤᠱᠯᠠᠭᠤᠯᠵᠤ ᠂ ᠬᠦᠨᠳᠤ ᠴᠢᠬᠤᠯᠠ ᠵᠠᠰᠠᠭ ᠵᠠᠬᠢᠷᠭᠠᠨ ᠤ ᠰᠢᠢᠳᠪᠦᠷᠢᠳᠤ ᠳᠤᠭᠳᠠᠯᠴᠠᠭ᠎ᠠ ᠪᠠ ᠵᠠᠰᠠᠭ ᠵᠠᠬᠢᠷᠭᠠᠨ ᠤ ᠬᠠᠤᠯᠢ ᠶᠢᠨ ᠵᠦᠪᠯᠡᠭᠴᠢ ᠶᠢᠨ ᠳᠦᠷᠢᠮ ᠢ ᠪᠤᠢ ᠪᠤᠯᠭᠠᠵᠤ᠂ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠵᠤ ᠬᠢᠨᠠᠯᠳᠠ ᠳᠠᠯᠪᠢᠬᠤ ᠪᠠ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠳᠠ᠂ ᠬᠢᠨᠠᠨ ᠪᠤᠳᠤᠯᠳᠠ ᠶᠢᠨ ᠬᠢᠨᠠᠯᠳᠠ ᠪᠠ ᠱᠠᠭᠠᠷᠳᠠᠨ ᠪᠠᠶᠢᠴᠠᠭᠠᠬᠤ ᠶᠢ ᠳᠠᠰᠣᠷᠠᠯᠳᠠ ᠦᠬᠡᠢ ᠴᠢᠩᠭᠠᠳᠬᠠᠪᠠ᠃ ᠬᠠᠤᠯᠢ ᠳᠦᠷᠢᠮ ᠤᠨ ᠨᠠᠷᠢᠨ ᠪᠢᠴᠢᠭᠡᠴᠢ ᠶᠢᠨ ᠳᠦᠷᠢᠮ ᠨᠢ ︽ᠳᠤᠮᠳᠠᠳᠤ ᠤᠯᠤᠰ ᠤᠨ ᠬᠠᠤᠯᠢ ᠳᠦᠷᠢᠮ ᠤᠨ ᠵᠠᠰᠠᠭ ᠤᠨ ᠤᠷᠳᠤᠨ ᠤ ᠱᠠᠩᠨᠠᠯ︾ ᠳᠤ ᠨᠡᠷ᠎ᠡ ᠳᠡᠪᠰᠢᠭᠰᠡᠨ ᠱᠠᠩᠨᠠᠯ ᠬᠦᠷᠳᠡᠪᠡ᠃ ︽ᠵᠢᠷᠭᠤᠳᠤᠭᠠᠷ ᠳᠠᠪᠤᠨ ᠵᠢᠯ ︾ ᠤᠨ ᠬᠠᠤᠯᠢ ᠳᠦᠬᠡᠮᠡᠯᠵᠢᠬᠦᠯᠦᠯᠳᠡ ᠳᠡᠬᠦᠰ ᠠᠮᠵᠢᠯᠳᠠᠳᠠᠢ ᠪᠠᠷ ᠦᠨᠳᠦᠷᠯᠡᠵᠤ᠂ ︽ᠳᠤᠯᠤᠳᠤᠭᠠᠷ ᠳᠠᠪᠤᠨ ᠵᠢᠯ︾ ᠤᠨ ᠬᠠᠤᠯᠢ ᠳᠦᠬᠡᠮᠡᠯᠵᠢᠬᠦᠯᠦᠯᠳᠡ ᠤᠷᠤᠭᠰᠢᠳᠠᠢ ᠠᠬᠢᠵᠤ᠂ ᠬᠠᠤᠯᠢ ᠳᠦᠷᠢᠮᠵᠢᠭᠰᠡᠨ ᠴᠡᠭᠴᠡᠯᠡᠯᠳᠡ ᠶᠢᠨ ᠬᠢᠷᠢ ᠳᠦᠪᠰᠢᠨ ᠳᠠᠰᠤᠷᠠᠯᠳᠠ ᠦᠬᠡᠢ ᠳᠡᠬᠡᠭᠰᠢᠯᠡᠪᠡ᠃ 2017 ᠣᠨ ᠳᠤ᠂ ᠪᠢᠳᠠ ᠠᠵᠣ ᠠᠬᠤᠢ ᠲᠣᠷᠣᠭᠰᠢᠯᠠᠬᠤ ᠲᠠᠷᠣᠭᠠᠰᠣ ᠶᠢ ᠢᠯᠠᠨ ᠲᠠᠪᠠᠵᠣ᠂ ᠬᠠᠳᠠᠭᠤᠵᠢᠯ ᠤᠨ ᠲᠣᠮᠳᠠ ᠪᠥᠯᠬᠦᠮᠳᠡᠨ ᠣᠷᠣᠭᠰᠢᠯᠠᠵᠣ᠂ ᠬᠥᠴᠢᠷ ᠪᠡᠷᠬᠡᠰᠢᠶᠠᠯ ᠢ ᠵᠣᠷᠢᠭᠲᠠᠢ ᠲᠣᠭᠤᠯᠣᠨ᠂ ᠠᠵᠣ ᠠᠬᠤᠢ ᠲᠣᠭᠳᠠᠭᠤᠨ  ᠤ ᠳᠣᠮᠳᠠ ᠨᠡᠯᠢᠶᠠᠳ ᠳᠦᠷᠬᠡᠨ ᠬᠥᠭᠵᠢᠬᠦ ᠶᠢ ᠪᠠᠳᠣᠯᠠᠵᠣ᠂ ᠨᠡᠶᠢᠬᠡᠮ ᠤᠨ ᠡᠯ᠎ᠡ ᠲᠥᠷᠥᠯ ᠤᠨ ᠠᠵᠢᠯ ᠣᠶᠢᠯᠡᠰ ᠪᠥᠬᠦ ᠲᠠᠯ᠎ᠠ ᠪᠠᠷ ᠳᠠᠪᠰᠢᠵᠤ᠂ ᠨᠢᠬᠡ ᠪᠥᠯᠥᠭ ᠳᠤᠮᠤ ᠲᠥᠷᠥᠯ ᠵᠣᠶᠢᠯ᠂ ᠰᠠᠶᠢᠨ ᠲᠥᠷᠥᠯ ᠵᠣᠶᠢᠯ ᠪᠠᠶᠢᠭᠤᠯᠤᠭᠳᠠᠵᠤ᠂ ᠬᠤᠳᠠ ᠬᠥᠳᠡᠬᠡᠨ ᠤ ᠲᠥᠷᠢ ᠲᠥᠷᠬᠦ ᠳᠤ ᠯᠣᠳᠣ ᠶᠡᠭᠡ ᠬᠤᠪᠢᠷᠠᠯᠳᠠ ᠭᠠᠷᠴᠤ᠂ ᠣᠯᠠᠨ ᠲᠥᠮᠡᠨ ᠤ ᠠᠮᠢᠳᠣᠷᠠᠯ ᠤᠨ ᠬᠢᠷᠢ ᠲᠥᠪᠰᠢᠨ ᠢᠯᠠᠳᠳᠠ ᠳᠡᠭᠡᠭᠰᠢᠯᠡᠪᠡ᠃ ᠪᠥᠬᠦ ᠬᠤᠰᠢᠭᠤᠨ ᠤ ᠡᠯ᠎ᠡ ᠡᠳᠡᠭᠡᠳ ᠪᠥᠯᠬᠦᠮᠳᠡᠨ ᠨᠢᠬᠡᠳᠴᠣ᠂ ᠰᠢᠯᠢᠳᠡᠭ ᠪᠥᠳᠥᠮᠵᠢ ᠪᠠᠷ ᠥᠪᠡᠷᠳᠡᠬᠡᠨ ᠵᠠᠰᠠᠬᠤ ᠣᠷᠣᠨ ᠤ ᠪᠠᠶᠢᠭᠤᠯᠣᠭᠳᠠᠭᠰᠠᠨ 70 ᠵᠢᠯ ᠤᠨ ᠣᠢ ᠶᠢ ᠪᠡᠯᠬᠡᠯᠡᠵᠥ ᠂ ︽ᠥᠵᠡᠰᠭᠦᠯᠡᠩᠳᠥ ᠰᠠᠶᠢᠬᠠᠨ ᠥᠪᠥᠷ ᠮᠣᠩᠭᠤᠯ ᠢ ᠴᠣᠭᠴᠠᠯᠠᠨ ᠪᠠᠶᠢᠭᠤᠯᠵᠣ᠂ ᠠᠭᠤᠣ ᠶᠡᠭᠡ ᠳᠣᠮᠳᠠᠳᠣ ᠶᠢᠨ ᠬᠥᠰᠡᠯ ᠵᠡᠭᠦᠳᠥ ᠶᠢ ᠲᠡᠷᠬᠡᠯᠰᠢᠭᠦᠯᠬᠦ︾ ᠭᠤᠶᠢᠳᠠ ᠰᠠᠶᠢᠬᠠᠨ ᠬᠠᠭᠤᠳᠠᠰᠣ ᠶᠢ ᠪᠢᠴᠢᠭᠯᠡᠪᠡ᠃ᠲᠠᠪᠣᠨ ᠵᠢᠯ ᠤᠨ ᠥᠩᠬᠡᠷᠡᠯᠳᠡ ᠪᠠᠨ ᠡᠷᠬᠢᠴᠡᠭᠦᠯᠪᠡᠯ᠂ ᠪᠢᠳᠠ ᠰᠢᠨ᠎ᠡ ᠴᠠᠭ ᠥᠶ᠎ᠡ ᠶᠢᠨ ᠵᠠᠰᠠᠭ ᠤᠨ ᠠᠵᠢᠯ ᠢ ᠰᠠᠶᠢᠳᠣᠷ ᠬᠢᠬᠦ ᠳᠤ᠄ ᠡᠷᠬᠡᠪᠰᠢ ᠨᠠᠮ ᠤᠨ ᠣᠳᠣᠷᠢᠳᠣᠯᠭ᠎ᠠ ᠶᠢ ᠢᠮᠠᠭᠳᠠ ᠪᠠᠷᠢᠮᠳᠠᠯᠠᠨ᠂ ᠰᠢ ᠶᠢᠨ ᠫᠢᠩ ᠨᠥᠬᠦᠷ ᠢᠶᠠᠷ ᠲᠥᠪ ᠪᠣᠯᠭᠠᠭᠰᠠᠨ ᠲᠥᠪ ᠬᠤᠷᠢᠶᠠᠨ ᠤ ᠲᠣᠭᠤᠷᠢᠨ ᠳᠤ ᠪᠥᠯᠬᠦᠮᠳᠡᠨ ᠨᠢᠭᠳᠠᠷᠠᠵᠣ᠂ ᠲᠥᠪ ᠬᠤᠷᠢᠶᠠᠨ ᠤ ᠥᠨᠳᠥᠰᠥᠨ ᠪᠣᠳᠣᠯᠭ᠎ᠠ ᠴᠢᠭᠯᠡᠯᠳᠡ ᠪᠠ ᠰᠢᠢᠳᠪᠦᠷᠢᠳᠤ ᠪᠤᠳᠤᠯᠭ᠎ᠠ ᠶᠢᠨ ᠪᠠᠶᠢᠷᠢᠯᠠᠭᠤᠯᠣᠯᠳᠠ ᠶᠢ ᠬᠢᠨᠠᠮᠠᠭᠠᠢ ᠲᠣᠣᠱᠯᠠᠭᠤᠯᠣᠨ ᠬᠡᠷᠡᠭᠵᠢᠬᠦᠯᠬᠦ ᠬᠡᠷᠡᠭᠳᠡᠢ᠃ ᠡᠷᠬᠡᠪᠰᠢ ᠬᠥᠭᠵᠢᠯᠳᠡ ᠶᠢᠨ ᠨᠢᠬᠡᠳᠣᠬᠡᠷ ᠡᠭᠦᠷᠬᠡ ᠶᠢ ᠢᠮᠠᠭᠳᠠ ᠪᠠᠷᠢᠮᠳᠠᠯᠠᠨ᠂ ᠴᠠᠭ ᠥᠶ᠎ᠡ ᠶᠢᠨ ᠪᠠᠶᠢᠳᠠᠯ ᠢ ᠰᠣᠳᠣᠯᠣᠨ ᠡᠵᠡᠮᠰᠢᠨ ᠬᠥᠭᠵᠢᠯᠳᠡ ᠶᠢ ᠰᠥᠪᠡᠭᠴᠢᠯᠡᠵᠥ᠂ ᠲᠣᠬᠢᠶᠠᠯ   ᠢ ᠠᠳᠬᠤᠵᠣ ᠬᠥᠭᠵᠢᠯᠳᠡ ᠶᠢ ᠠᠬᠢᠭᠤᠯᠵᠤ᠂ ᠰᠢᠨᠡᠴᠢᠯᠡᠨ ᠬᠥᠭᠵᠢᠬᠦ᠂ ᠬᠡᠯᠪᠡᠷᠢ ᠪᠠᠨ ᠬᠤᠪᠢᠷᠠᠭᠤᠯᠣᠨ ᠬᠥᠭᠵᠢᠬᠦ᠂ ᠠᠭᠤᠰᠣᠯᠴᠠᠨ ᠬᠥᠭᠵᠢᠬᠦ ᠶᠢ ᠲᠠᠰᠣᠷᠠᠯᠳᠠ ᠥᠬᠡᠢ ᠲᠥᠯᠬᠢᠨ ᠠᠬᠢᠭᠤᠯᠬᠤ ᠬᠡᠷᠡᠭᠳᠡᠢ᠃ ᠡᠷᠬᠡᠪᠰᠢ ᠠᠷᠡᠳ ᠢᠶᠠᠷ ᠥᠨᠳᠥᠰᠥ ᠪᠣᠯᠭᠠᠬᠤ ᠶᠢ ᠢᠮᠠᠭᠳᠠ ᠪᠠᠷᠢᠮᠳᠠᠯᠠᠨ᠂ ᠠᠷᠠᠳ ᠤᠨ ᠠᠮᠢᠳᠣᠷᠠᠯ ᠤᠨ ᠬᠡᠰᠢᠭ ᠪᠣᠶᠠᠨ ᠢ ᠨᠡᠮᠡᠭᠳᠡᠭᠦᠯᠬᠦ ᠪᠠᠷ ᠭᠥᠭᠵᠢᠯᠳᠡ ᠶᠢᠨ ᠥᠨᠳᠥᠰᠣᠨ ᠬᠠᠷᠠᠯᠳᠠ ᠪᠠᠨ ᠪᠣᠯᠭᠠᠵᠣ᠂ ᠬᠥᠭᠵᠢᠬᠦ ᠨᠢ ᠠᠷᠠᠳ ᠤᠨ ᠲᠥᠯᠥᠬᠡ᠂ ᠬᠥᠭᠵᠢᠯᠳᠡ ᠨᠢ ᠠᠷᠠᠳ ᠢᠶᠠᠨ ᠲᠥᠰᠢᠬᠦ᠂ ᠭᠥᠭᠵᠢᠯᠳᠡ ᠶᠢᠨ ᠥᠷ᠎ᠡ ᠪᠥᠳᠥᠬᠡᠯ ᠢ ᠪᠥᠬᠦ ᠬᠤᠰᠢᠭᠤᠨ ᠤ ᠠᠷᠠᠳ ᠲᠥᠮᠡᠨ ᠬᠠᠮᠳᠣᠪᠠᠷ ᠡᠳ᠋ᠯᠡᠬᠦ ᠶᠢ ᠪᠠᠷᠢᠮᠳᠠᠯᠠᠬᠤ ᠬᠡᠷᠡᠭᠳᠡᠢ᠃ ᠡᠷᠬᠡᠪᠰᠢ ᠥᠭᠡᠷᠡᠴᠢᠯᠡᠯᠳᠡ ᠪᠠᠨ ᠬᠥᠨᠵᠡᠬᠡᠶᠢᠷᠡᠬᠦᠯᠬᠦ ᠶᠢ ᠢᠮᠠᠭᠳᠠ ᠪᠠᠷᠢᠮᠳᠠᠯᠠᠨ᠂ ᠴᠠᠭ ᠥᠶ᠎ᠡ ᠳᠤ ᠵᠣᠬᠢᠴᠠᠬᠤ ᠥᠬᠡᠢ ᠥᠵᠡᠯ ᠣᠬᠠᠮᠰᠠᠷ ᠪᠠ ᠪᠥᠳᠥᠴᠡ ᠲᠣᠭᠳᠠᠯᠴᠠᠭ᠎ᠠ ᠶᠢ ᠡᠷᠡᠰ ᠲᠡᠪᠴᠢᠵᠣ᠂ ᠣᠶᠢᠯᠠᠭᠠᠭᠳᠠᠬᠤᠨ᠂ ᠪᠥᠳᠥᠴᠡ᠂ ᠣᠷᠴᠢᠨ ᠲᠣᠭᠤᠷᠢᠨ ᠢᠶᠠᠨ ᠰᠢᠨᠡᠴᠢᠯᠡᠨ᠂ ᠪᠥᠬᠦ ᠲᠠᠯ᠎ᠠ ᠶᠢᠨ᠂ ᠣᠯᠠᠨ ᠬᠥᠷᠢᠶᠡᠨ  ᠤ ᠬᠥᠭᠵᠢᠯᠳᠡ ᠶᠢᠨ ᠲᠠᠪᠠᠭᠤᠯᠢᠭ ᠢ ᠡᠭᠦᠳᠥᠨ ᠪᠦᠳᠦᠬᠡᠬᠦ ᠬᠡᠷᠡᠭᠳᠡᠢ᠃ ᠡᠷᠬᠡᠪᠰᠢ ᠪᠣᠳᠠᠲᠠᠢ ᠠᠵᠢᠯᠯᠠᠨ ᠴᠢᠩᠭ᠎ᠠ ᠠᠳᠬᠤ ᠶᠢ ᠢᠮᠠᠭᠳᠠ ᠪᠠᠷᠢᠮᠳᠠᠯᠠᠨ᠂ ᠪᠣᠳᠠᠳᠠᠢ ᠳᠤ ᠥᠨᠳᠥᠰᠥᠯᠡᠵᠥ᠂ ᠠᠵᠢᠯᠯᠠᠬᠤ ᠶᠢ ᠳᠡᠷᠢᠬᠦᠨ ᠪᠠᠶᠢᠷᠢᠨ ᠳᠤ ᠳᠠᠯᠪᠢᠵᠤ᠂ ᠳᠤᠤᠭᠠᠷᠪᠠᠯ ᠳᠠᠭᠤ ᠲᠠᠢ᠂ ᠳᠤᠭᠳᠤᠷᠪᠠᠯ ᠬᠦᠴᠦ ᠲᠠᠢ ᠵᠤᠷᠢᠭ ᠰᠠᠨᠠᠭ᠎ᠠ ᠪᠠᠷ ᠠᠵᠢᠯ ᠢᠶᠠᠨ ᠨᠠᠶᠢᠳᠠᠪᠣᠷᠢᠲᠠᠢ᠂ ᠡᠮᠬᠢ  ᠴᠡᠭᠴᠡ ᠲᠠᠢ᠂ ᠪᠥᠳᠥᠮᠵᠢ ᠲᠠᠢ ᠥᠷᠨᠢᠭᠦᠯᠬᠦ ᠶᠢ ᠠᠬᠢᠭᠤᠯᠬᠤ ᠬᠡᠷᠡᠭᠳᠡᠢ᠃ ᠡᠷᠬᠡᠪᠰᠢ ᠬᠠᠣᠯᠢ ᠪᠠᠷ ᠵᠠᠰᠠᠭ ᠪᠠᠷᠢᠬᠤ ᠶᠢ ᠢᠮᠠᠭᠳᠠ ᠪᠠᠷᠢᠮᠳᠠᠯᠠᠨ᠂ ᠠᠵᠢᠯᠯᠠᠬᠤ ᠬᠡᠷᠡᠭᠵᠢᠬᠦᠯᠦᠯᠳᠡ ᠶᠢᠨ ᠴᠢᠳᠠᠪᠣᠷᠢ᠂ ᠪᠥᠳᠥᠬᠡᠯᠴᠢ ᠶᠢᠨ ᠴᠢᠳᠠᠪᠣᠷᠢ᠂ ᠨᠢᠭᠳᠠᠷᠠᠯ ᠤᠨ ᠴᠢᠳᠠᠪᠣᠷᠢ ᠪᠠ ᠲᠥᠪᠯᠡᠬᠦ ᠴᠢᠳᠠᠪᠣᠷᠢ ᠶᠢ ᠲᠠᠰᠣᠷᠠᠯᠳᠠ ᠥᠬᠡᠢ ᠳᠡᠭᠡᠭᠰᠢᠯᠡᠭᠦᠯᠵᠥ᠂ ᠣᠯᠠᠨ ᠲᠥᠮᠡᠨ ᠤ ᠬᠠᠨᠣᠮᠵᠢᠲᠠᠢ ᠣᠶᠢᠯᠡᠴᠢᠯᠡᠬᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠦᠳᠦᠬᠡᠬᠦ ᠬᠡᠷᠡᠭᠳᠡᠢ᠃ᠲᠥᠯᠥᠬᠡᠯᠡᠭᠴᠢᠳ ᠡ︕ ᠲᠠᠪᠣᠨ ᠵᠢᠯ ᠤᠨ ᠲᠣᠷᠰᠢ᠂ ᠪᠢᠳᠠ ᠪᠥᠬᠦ ᠬᠤᠰᠢᠭᠤᠨ ᠤ ᠠᠷᠠᠳ ᠲᠥᠮᠡᠨ ᠤ ᠣᠶᠣᠨ ᠣᠬᠠᠭᠠᠨ ᠪᠠ ᠬᠥᠴᠥᠨ ᠴᠢᠳᠠᠯ ᠢ ᠨᠢᠭᠳᠠᠷᠠᠭᠤᠯᠵᠣ᠂ ᠨᠢᠬᠡ ᠳᠡᠭᠳᠡᠷ ᠨᠢᠬᠡ ᠱᠠᠳᠣ ᠪᠠᠷ ᠴᠢᠷᠮᠠᠶᠢᠨ ᠬᠥᠴᠥᠯᠡᠨ᠂ ᠲᠡᠷᠢᠭᠦᠨ ᠢ ᠲᠡᠮᠡᠴᠡᠨ᠂ ᠠᠯᠠᠱᠠ ᠵᠡᠭᠦᠨ ᠬᠤᠰᠢᠭᠤᠨ ᠤ ᠬᠥᠭᠵᠢᠯᠳᠡ ᠶᠢᠨ ᠰᠢᠨ᠎ᠡ ᠬᠠᠭᠤᠳᠠᠰᠣ ᠶᠢ ᠪᠢᠴᠢᠭᠯᠡᠪᠡ᠃ ᠡᠨᠡ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠪᠥᠬᠦ ᠲᠠᠯ᠎ᠠ ᠶᠢ ᠡᠵᠡᠮᠳᠡᠨ᠂ ᠵᠥᠪ ᠣᠳᠣᠷᠢᠳᠣᠭᠰᠠᠨ ᠤ ᠥᠷ᠎ᠡ ᠳ᠋ᠦᠩ ᠮᠥᠨ᠂ ᠬᠤᠰᠢᠭᠤᠨ ᠤ ᠠᠷᠠᠳ ᠤᠨ ᠲᠥᠯᠥᠬᠡᠯᠡᠭᠴᠢᠳ ᠤᠨ ᠶᠡᠭᠡ ᠬᠤᠷᠠᠯ᠂ ᠣᠯᠣᠰ ᠲᠥᠷᠥ ᠶᠢᠨ ᠵᠥᠪᠯᠡᠯᠬᠡᠨ ᠤ ᠢᠳᠡᠪᠬᠢᠲᠠᠢ ᠪᠠᠷ ᠬᠢᠨᠠᠯᠳᠠ ᠲᠠᠯᠪᠢᠨ ᠬᠥᠴᠥᠲᠠᠢ ᠳᠡᠮᠵᠢᠭᠰᠡᠨ ᠤ ᠥᠷ᠎ᠡ ᠳ᠋ᠦᠩ ᠮᠥᠨ᠂ ᠪᠥᠬᠦ ᠬᠤᠰᠢᠭᠤᠨ ᠤ ᠡᠯ᠎ᠡ ᠡᠳᠡᠭᠡᠳ ᠬᠠᠮᠳᠣᠷᠠᠨ ᠬᠠᠪᠰᠤᠷᠤᠯᠴᠠᠵᠤ᠂ ᠰᠢᠨᠳᠡᠷᠠᠰᠢ ᠥᠬᠡᠢ ᠵᠢᠳᠭᠦᠭᠰᠡᠨ ᠤ ᠥᠷ᠎ᠡ ᠳ᠋ᠦᠩ ᠮᠥᠨ᠃ ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢ ᠲᠥᠯᠥᠬᠡᠯᠡᠵᠥ᠂ ᠡᠯ᠎ᠡ ᠠᠵᠢᠯ ᠲᠥᠷᠥᠯ ᠠᠵᠢᠯ ᠤᠨ ᠪᠠᠶᠢᠷᠢ ᠳᠤ ᠰᠢᠷᠭᠠᠭᠤ ᠠᠵᠢᠯᠯᠠᠭᠰᠠᠨ ᠥᠷᠬᠡᠨ ᠣᠯᠠᠨ ᠠᠵᠢᠯᠳᠠᠨ ᠺᠠᠳ᠋ᠷ ᠣᠯᠠᠨ ᠲᠥᠮᠡᠨ᠂ ᠠᠯᠠᠱᠠ ᠵᠡᠭᠦᠨ ᠬᠤᠰᠢᠭᠤᠨ ᠤ ᠬᠥᠭᠵᠢᠯᠳᠡ ᠶᠢᠨ ᠣᠶᠢᠯᠡᠰ ᠢ ᠬᠠᠯᠠᠮᠵᠢᠯᠠᠨ ᠲᠡᠳᠭᠦᠭᠰᠡᠨ ᠡᠯ᠎ᠡ ᠱᠠᠳᠣᠨ ᠤ ᠣᠳᠣᠷᠢᠳᠣᠯᠭ᠎ᠠ ᠪᠠ ᠨᠡᠶᠢᠬᠡᠮ ᠤᠨ ᠡᠯ᠎ᠡ ᠡᠳᠡᠬᠡᠳ ᠤᠨ ᠨᠠᠶᠢᠵᠠ ᠨᠥᠬᠦᠳ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠣ ᠬᠥᠨᠳᠥᠳᠬᠡᠯ ᠢᠶᠠᠨ ᠲᠡᠪᠰᠢᠭᠦᠯᠥᠶ᠎ᠡ︕ᠠᠮᠵᠢᠯᠳᠠ ᠪᠥᠳᠥᠬᠡᠯ ᠢᠶᠠᠨ ᠨᠣᠳᠠᠯᠠᠬᠤ ᠶᠢᠨ ᠬᠠᠮᠳᠣ᠂ ᠪᠢᠳᠠ ᠪᠠᠰᠠ ᠪᠥᠬᠦ ᠬᠤᠰᠢᠭᠤᠨ ᠤ ᠠᠵᠣ ᠠᠬᠤᠢ ᠨᠡᠶᠢᠬᠡᠮ  ᠤᠨ ᠬᠥᠭᠵᠢᠯᠳᠡ ᠳᠤ ᠣᠷᠣᠰᠢᠵᠣ ᠪᠠᠶᠢᠭ᠎ᠠ ᠣᠮᠳᠣᠭᠠᠶᠢᠯᠠᠵᠣ ᠪᠣᠯᠣᠰᠢ ᠥᠬᠡᠢ ᠵᠥᠷᠢᠴᠡᠯ ᠪᠠ ᠠᠰᠠᠭᠤᠳᠠᠯ ᠢ ᠰᠡᠷᠬᠡᠭ  ᠢᠶᠠᠷ ᠣᠯᠵᠣ ᠳᠠᠨᠢᠬᠤ ᠬᠡᠷᠡᠭᠲᠠᠢ᠃ ᠭᠤᠣᠯ ᠨᠢ᠄  ᠠᠵᠣ ᠣᠶᠢᠯᠡᠰ ᠤᠨ ᠪᠥᠳᠥᠴᠡ ᠪᠠᠨ ᠬᠤᠪᠢᠷᠠᠭᠤᠯᠬᠤ ᠡᠭᠦᠷᠬᠡ ᠬᠥᠨᠳᠥ᠂ ᠵᠠᠮ ᠬᠤᠯᠠ ᠪᠠᠶᠢᠭᠰᠠᠭᠠᠷ᠂ ᠣᠯᠠᠮᠵᠢᠯᠠᠯᠳᠣ ᠠᠵᠣ ᠣᠶᠢᠯᠡᠰ ᠤᠨ ᠳᠡᠰ ᠳᠡᠪᠰᠢᠬᠦ ᠠᠬᠢᠴᠠ ᠣᠳᠠᠭᠠᠨ᠂ ᠴᠢᠨᠠᠷ ᠢᠶᠠᠷ ᠠᠨᠠᠢ ᠪᠥᠳᠥᠭᠡᠭᠳᠡᠭᠦᠨ ᠢᠯᠡᠬᠦᠦ᠂ ᠴᠢᠨᠠᠷᠯᠢᠭ ᠪᠥᠳᠥᠬᠡᠭᠳᠡᠬᠦᠨ ᠬᠤᠮᠰᠠᠳᠠᠵᠣ᠂ ᠰᠢᠨ᠎ᠡ ᠪᠠᠷ ᠬᠥᠭᠵᠢᠵᠥ ᠪᠠᠶᠢᠭ᠎ᠠ ᠠᠵᠣ ᠣᠶᠢᠯᠡᠰ ᠬᠡᠪᠴᠢᠶ᠎ᠡ ᠪᠠᠷ ᠪᠠᠭ᠎ᠠ᠂ ᠲᠣᠯᠭᠠᠭᠤᠷᠢᠯᠠᠬᠤ ᠠᠵᠣ ᠣᠶᠢᠯᠡᠰ ᠪᠣᠯᠭᠠᠨ ᠪᠣᠶᠢᠵᠢᠭᠤᠯᠬᠤ ᠳᠤ ᠶᠡᠭᠡ ᠬᠡᠮᠵᠢᠶᠠᠨ ᠤ ᠠᠵᠢᠯ ᠢ ᠬᠢᠬᠦ ᠴᠢᠬᠤᠯᠠᠲᠠᠢ᠃ ᠶᠡᠷᠥᠩᠬᠡᠶᠢᠯᠡᠭᠰᠡᠨ ᠠᠵᠣ ᠣᠶᠢᠯᠡᠰ ᠬᠥᠴᠥᠨ ᠪᠠᠭᠤᠷᠠᠢ᠂ ᠠᠵᠣ ᠠᠬᠤᠢ ᠶᠢᠨ ᠰᠢᠨ᠎ᠡ ᠨᠡᠮᠡᠭᠳᠡᠯ ᠴᠡᠭ ᠴᠥᠬᠡᠨ᠂ ᠡᠳ᠋ ᠤᠨ ᠵᠠᠰᠠᠭ ᠤᠨ ᠣᠷᠣᠯᠭ᠎ᠠ ᠶᠢ ᠦᠷᠬᠦᠯᠵᠢᠯᠡᠨ ᠨᠡᠮᠡᠭᠳᠡᠬᠦᠯᠬᠦ ᠳᠤ ᠬᠦᠴᠢᠷᠳᠡᠢ᠂ ᠣᠷᠣᠯᠭ᠎ᠠ ᠵᠠᠷᠣᠯᠭ᠎ᠠ ᠶᠢᠨ ᠵᠥᠷᠢᠴᠡᠯ ᠳᠣᠪᠣᠶᠢᠮ᠎ᠠ ᠪᠠᠶᠢᠵᠣ᠂ ᠥᠷᠢ ᠥᠭᠴᠡᠭᠡ ᠪᠠᠨ ᠲᠥᠯᠥᠬᠦ ᠲᠠᠷᠣᠭᠠᠰᠣ ᠶᠡᠭᠡ ᠪᠠᠶᠢᠭᠰᠠᠭᠠᠷ᠃ ᠲᠠᠷᠢᠶᠠᠯᠠᠩ ᠮᠠᠯ ᠠᠵᠣ ᠠᠬᠤᠢ ᠶᠢᠨ ᠠᠵᠣ ᠣᠶᠢᠯᠡᠰᠵᠢᠯᠳᠠ᠂ ᠬᠡᠪᠴᠢᠶᠡᠴᠢᠯᠡᠯᠳᠡ  ᠲᠠᠢ ᠪᠠᠷ ᠬᠥᠭᠵᠢᠬᠦ ᠬᠥᠷᠥᠯᠴᠡᠬᠦ ᠥᠬᠡᠢ ᠪᠠᠶᠢᠵᠣ᠂ ᠲᠣᠯᠣᠭᠠᠶᠢᠯᠠᠭᠴᠢ ᠠᠵᠣ ᠠᠬᠤᠶᠢᠯᠠᠯ ᠤᠨ ᠳᠠᠶᠢᠴᠢᠯᠠᠬᠤ ᠴᠢᠳᠠᠪᠣᠷᠢ ᠲᠣᠳᠠᠮᠠᠭ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠬᠥᠴᠢᠷ ᠶᠡᠬᠡᠲᠠᠢ᠃ ᠬᠤᠳᠠ ᠬᠥᠳᠡᠬᠡᠨ  ᠤ ᠬᠥᠭᠵᠢᠯᠳᠡ ᠲᠡᠩᠴᠡᠭᠦᠷᠢ ᠥᠬᠡᠢ᠂ ᠰᠠᠭᠤᠷᠢ ᠲᠥᠬᠦᠭᠡᠷᠥᠮᠵᠢ ᠶᠢᠨ ᠳᠠᠭᠠᠭᠠᠴᠠ ᠪᠠᠭᠤᠷᠠᠢ᠂ ᠨᠠᠷᠢᠯᠢᠭᠵᠢᠭᠤᠯᠣᠭᠰᠠᠨ ᠬᠠᠮᠢᠶᠠᠷᠥᠯᠳᠠ ᠵᠢᠴᠢ ᠢᠵᠢ ᠪᠥᠷᠢᠳᠥᠭᠰᠡᠨ ᠣᠶᠢᠯᠡᠴᠢᠯᠡᠭᠡ ᠢᠯᠡᠷᠬᠡᠢ ᠵᠥᠷᠢᠶ᠎ᠡ ᠲᠠᠢ᠃ ᠠᠮᠢ ᠠᠬᠤᠢ ᠶᠢᠨ ᠣᠷᠴᠢᠨ ᠲᠣᠭᠤᠷᠢᠨ ᠬᠡᠪᠡᠷᠡᠭ᠂ ᠡᠬᠢ ᠪᠠᠶᠠᠯᠢᠭ ᠤᠨ ᠣᠷᠴᠢᠨ ᠲᠣᠭᠤᠷᠢᠨ ᠤ ᠬᠢᠵᠠᠭᠠᠷᠯᠠᠯ ᠶᠡᠬᠡᠰᠴᠣ᠂ ᠠᠮᠢ ᠠᠬᠤᠢ ᠶᠢᠨ ᠪᠠᠶᠢᠭᠤᠯᠣᠯᠳᠠ ᠪᠠ ᠣᠷᠴᠢᠨ ᠲᠣᠭᠤᠷᠢᠨ ᠤ ᠬᠠᠮᠠᠭᠠᠯᠠᠯᠳᠠ ᠶᠢᠨ ᠡᠭᠦᠷᠬᠡ ᠬᠥᠨᠳᠥ ᠪᠣᠯᠪᠠ᠃ ᠨᠡᠶᠢᠬᠡᠮ ᠤᠨ ᠬᠠᠮᠢᠶᠠᠷᠥᠯᠳᠠ ᠪᠠ ᠣᠶᠢᠯᠡᠴᠢᠯᠡᠬᠡᠨ ᠤ ᠬᠢᠷᠢ ᠲᠥᠪᠰᠢᠨ ᠲᠣᠣᠷ᠎ᠠ ᠪᠠᠶᠢᠵᠣ᠂ ᠣᠯᠠᠨ ᠲᠥᠮᠡᠨ ᠤ ᠡᠳᠣᠷ ᠢᠷᠡᠭᠦᠶ᠎ᠡ ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠲᠠᠢ ᠨᠡᠯᠢᠶᠡᠳ ᠵᠥᠷᠢᠶ᠎ᠡ ᠭᠠᠷᠴᠣ᠂ ᠬᠤᠳᠠ ᠪᠠᠯᠭᠠᠰᠣᠨ ᠤ ᠬᠥᠴᠢᠷᠳᠡᠯᠲᠠᠢ ᠬᠥᠮᠥᠰ ᠢ ᠬᠠᠪᠰᠣᠷᠣᠨ ᠲᠡᠳᠬᠦᠬᠦ ᠠᠵᠢᠯ ᠢ ᠴᠢᠩᠭᠠᠳᠬᠠᠬᠤ ᠴᠢᠬᠤᠯᠠᠲᠠᠢ ᠪᠣᠯᠪᠠ᠃ ᠵᠠᠰᠠᠭ ᠤᠨ ᠣᠷᠳᠣᠨ ᠤ ᠵᠠᠰᠠᠭ ᠪᠠᠷᠢᠬᠤ ᠴᠢᠳᠠᠮᠵᠢ ᠪᠠ ᠣᠶᠢᠯᠡᠴᠢᠬᠡᠨ ᠤ ᠬᠢᠷᠢ ᠲᠥᠪᠰᠢᠨ ᠢᠶᠠᠨ ᠣᠯᠠᠮ ᠨᠢᠬᠡ ᠠᠯᠬᠤᠮ ᠳᠡᠬᠡᠭᠰᠢᠯᠡᠬᠦᠯᠬᠦ ᠬᠡᠷᠡᠭᠲᠠᠢ᠃ ᠡᠳᠡᠭᠡᠷ ᠠᠰᠠᠭᠤᠳᠠᠯ ᠢ ᠪᠢᠳᠠ ᠬᠥᠨᠳᠥᠳᠬᠡᠨ ᠥᠵᠡᠵᠥ᠂ ᠨᠡᠩ ᠨᠠᠶᠢᠳᠠᠪᠣᠷᠢᠲᠠᠢ ᠠᠷᠭ᠎ᠠ ᠠᠪᠴᠠᠯ ᠢ ᠬᠡᠷᠡᠭᠯᠡᠵᠥ᠂ ᠰᠠᠶᠢᠳᠣᠷ ᠰᠢᠢᠳᠪᠣᠷᠢᠯᠡᠬᠦ ᠬᠡᠷᠡᠭᠲᠠᠢ᠃ ᠬᠤᠶᠢᠰᠢᠳᠠ ᠶᠢᠨ ᠲᠠᠪᠣᠨ ᠵᠢᠯ ᠤᠨ ᠠᠵᠣ ᠠᠬᠤᠢ ᠨᠡᠶᠢᠬᠡᠮ ᠤᠨ ᠬᠥᠭᠵᠢᠯᠳᠡ ᠶᠢᠨ ᠶᠡᠷᠥᠩᠬᠡᠢ ᠰᠡᠳᠬᠢᠴᠡᠣᠳᠣ᠂ ᠮᠠᠨ ᠤ ᠬᠤᠰᠢᠭᠤ ᠶᠠᠭ ᠴᠢᠬᠤᠯᠠ ᠠᠵᠠ ᠲᠣᠬᠢᠶᠠᠯ ᠤᠨ ᠲᠥᠪᠯᠡᠷᠡᠯ ᠤᠨ ᠬᠤᠭᠤᠴᠠᠭᠠᠨ ᠳᠤ ᠣᠷᠣᠰᠢᠵᠣ᠂ ᠡᠯ᠎ᠡ ᠵᠣᠶᠢᠯ ᠤᠨ ᠲᠠᠪᠠᠭᠤᠯᠢᠭ ᠡᠬᠢ ᠪᠠᠶᠠᠯᠢᠭ ᠢᠶᠠᠨ ᠪᠥᠳᠥᠮᠵᠢ ᠲᠠᠢ ᠠᠰᠢᠭᠯᠠᠬᠤ ᠴᠠᠭ ᠥᠶ᠎ᠡ ᠳᠤ ᠣᠷᠣᠰᠢᠵᠣ ᠪᠠᠶᠢᠨ᠎ᠠ᠃ ᠣᠳᠠᠯ ᠥᠬᠡᠢ ᠣᠯᠣᠰ ᠪᠠᠶᠢᠭᠤᠯᠣᠭᠳᠠᠭᠰᠠᠨ 70 ᠵᠢᠯ ᠤᠨ ᠣᠢ᠂ 2020 ᠣᠨ ᠳᠤ ᠪᠥᠬᠦ ᠲᠠᠯ᠎ᠠ ᠪᠠᠷ ᠴᠢᠨᠡᠬᠡᠯᠢᠭ ᠨᠡᠶᠢᠬᠡᠮ ᠢ ᠪᠠᠶᠢᠭᠤᠯᠬᠤ᠂ ᠨᠠᠮ ᠪᠠᠶᠢᠭᠤᠯᠣᠭᠳᠠᠭᠰᠠᠨ100 ᠵᠢᠯ ᠤᠨ ᠣᠢ ᠶᠢ ᠣᠭᠳᠣᠨ᠎ᠠ᠃ ᠶᠡᠷᠥᠩᠬᠡᠶᠢᠯᠡᠪᠠᠯ᠂ ᠮᠠᠨ ᠤ ᠬᠤᠰᠢᠭᠤᠨ ᠤ ᠰᠠᠭᠤᠷᠢ᠂ ᠨᠥᠭᠦᠴᠡᠯ᠂ ᠴᠢᠳᠠᠪᠣᠷᠢ ᠲᠡᠣᠬᠡᠨ ᠰᠢᠨ᠎ᠡ ᠡᠬᠢᠯᠯᠡᠳᠡ ᠳᠤ᠂ ᠠᠵᠣ ᠠᠬᠤᠢ ᠪᠠᠨ ᠨᠡᠩ ᠴᠢᠨᠠᠷᠯᠢᠭ᠂ ᠨᠡᠩ ᠪᠥᠳᠥᠮᠵᠢᠲᠠᠢ᠂ ᠨᠡᠩ ᠭᠤᠣᠯᠴᠢ᠂ ᠨᠡᠩ  ᠦᠷᠬᠦᠯᠵᠢᠯᠡᠨ ᠬᠥᠭᠵᠢᠭᠦᠯᠬᠦ  ᠶᠢ ᠠᠬᠢᠭᠤᠯᠵᠣ ᠴᠢᠳᠠᠨ᠎ᠠ᠃ ᠬᠥᠭᠵᠢᠯᠳᠡ ᠶᠢᠨ ᠣᠷᠴᠢᠨ ᠲᠣᠭᠤᠷᠢᠨ ᠠᠴᠠ ᠥᠵᠡᠪᠡᠯ᠂ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠳᠣᠮᠳᠠᠳᠣ ᠣᠯᠣᠰ ᠤᠨ ᠨᠡᠶᠢᠬᠡᠮ ᠵᠢᠷᠥᠮ ᠤᠨ ᠥᠵᠡᠯ ᠰᠠᠨᠠᠭ᠎ᠠ᠂ ᠪᠢᠳᠡᠨ ᠳᠤ ᠰᠢᠨ᠎ᠡ ᠴᠠᠭ ᠥᠶ᠎ᠡ  ᠶᠢᠨ ᠡᠯ᠎ᠡ ᠲᠥᠷᠥᠯ ᠤᠨ ᠠᠵᠢᠯ ᠣᠶᠢᠯᠡᠰ ᠤᠨ ᠬᠥᠭᠵᠢᠯᠳᠡ ᠶᠢ ᠠᠬᠢᠭᠤᠯᠬᠤ ᠣᠷᠣᠭᠰᠢᠯᠠᠯᠳᠠ ᠶᠢᠨ ᠴᠢᠭᠯᠡᠯ ᠢ ᠳᠣᠳᠣᠳᠬᠠᠵᠣ᠂ ᠰᠢᠨᠵᠢᠯᠡᠬᠦ ᠣᠬᠠᠭᠠᠨᠴᠢ ᠣᠨᠣᠯ ᠤᠨ ᠵᠢᠯᠣᠭᠤᠳᠣᠮᠵᠢ ᠪᠠ ᠵᠢᠷᠥᠮᠯᠠᠯ ᠥᠨᠳᠥᠰᠥᠯᠡᠯ ᠢ ᠬᠠᠩᠭᠠᠪᠠ᠃ ᠣᠯᠣᠰ ᠠᠴᠠ ᠬᠥᠳᠡᠯᠬᠡᠬᠦ ᠬᠥᠴᠥᠨ ᠢ ᠰᠢᠨᠡᠴᠢᠯᠡᠬᠦ᠂ ᠬᠥᠳᠡᠭᠡ ᠲᠣᠰᠬᠤᠨ ᠢ ᠴᠡᠴᠡᠭᠯᠡᠬᠦᠯᠦᠨ ᠬᠥᠭᠵᠢᠭᠦᠯᠬᠦ᠂ ᠴᠡᠷᠢᠭ ᠠᠷᠠᠳ ᠢ ᠣᠶᠠᠯᠳᠣᠭᠤᠯᠣᠨ ᠬᠥᠭᠵᠢᠭᠦᠯᠬᠦ ᠵᠡᠷᠬᠡ ᠪᠠᠶᠢᠯᠳᠣᠬᠤ ᠪᠣᠳᠣᠯᠭ᠎ᠠ   ᠶᠢ ᠬᠥᠨᠵᠡᠬᠡᠢ ᠬᠡᠷᠡᠭᠵᠢᠭᠦᠯᠬᠦ ᠶᠢ ᠳᠠᠭᠠᠯᠳᠣᠨ᠂ ᠴᠥᠬᠡᠨ ᠲᠣᠭᠠᠳᠣ ᠥᠨᠳᠥᠰᠥᠳᠡᠨ ᠤ ᠣᠷᠣᠨ᠂ ᠬᠢᠯᠢ ᠬᠢᠵᠠᠭᠠᠷ ᠣᠷᠣᠨ᠂ ᠶᠠᠳᠠᠭᠤ ᠬᠥᠴᠢᠷᠳᠡᠯᠲᠠᠢ ᠣᠷᠣᠨ ᠤ ᠬᠥᠭᠵᠢᠯᠳᠡ ᠶᠢ ᠳᠡᠮᠵᠢᠬᠦ ᠵᠡᠷᠬᠡ ᠣᠯᠣᠰ ᠲᠥᠷᠥ ᠶᠢᠨ ᠪᠣᠳᠣᠯᠭ᠎ᠠ ᠶᠢ ᠬᠥᠨᠵᠡᠬᠡᠢ ᠨᠠᠶᠢᠳᠠᠪᠤᠷᠢᠵᠢᠭᠤᠯᠬᠤ  ᠨᠢ ᠪᠢᠳᠠᠨ ᠤ ᠰᠢᠨ᠎ᠡ ᠬᠡᠪ ᠤᠨ ᠪᠠᠶᠢᠳᠠᠯ ᠢ ᠣᠳᠣᠷᠢᠳᠬᠤ᠂ ᠰᠢᠨ᠎ᠡ ᠬᠥᠳᠡᠯᠬᠡᠬᠦ ᠬᠥᠴᠥ ᠶᠢ ᠪᠣᠶᠢᠵᠢᠭᠤᠯᠬᠤ᠂ ᠰᠢᠨ᠎ᠡ ᠠᠵᠣ ᠠᠬᠤᠢ ᠶᠢ ᠬᠥᠭᠵᠢᠭᠦᠯᠬᠦ ᠳᠤ ᠰᠠᠶᠢᠨ ᠰᠠᠶᠢᠬᠠᠨ ᠭᠠᠳᠠᠭᠠᠳᠣ ᠣᠷᠴᠢᠨ ᠲᠣᠭᠤᠷᠢᠨ ᠢ ᠡᠭᠦᠳᠥᠨ ᠪᠥᠳᠥᠬᠡᠪᠡ᠃ ᠥᠪᠡᠷ ᠤᠨ ᠲᠠᠪᠠᠭᠤᠯᠢᠭ ᠳᠠᠯ᠎ᠠ ᠠᠴᠠ ᠥᠵᠡᠪᠡᠯ᠂ ᠪᠢᠳᠡ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠪᠠ ᠣᠷᠣᠨ ᠪᠥᠰᠡ ᠶᠢᠨ ᠳᠠᠪᠠᠭᠤᠯᠢᠭ ᠳᠡᠬᠡᠷ᠎ᠡ ᠰᠠᠭᠤᠷᠢᠯᠠᠵᠤ᠂ ︽ᠨᠢᠬᠡ ᠪᠥᠰᠡ ᠨᠢᠬᠡ ᠵᠠᠮ︾ ᠤᠨ ᠪᠥᠳᠥᠬᠡᠨ ᠪᠠᠶᠢᠭᠤᠯᠣᠯᠳᠠ  ᠳᠤ ᠢᠳᠡᠪᠬᠢᠲᠠᠢ ᠠᠭᠤᠰᠣᠯᠴᠠᠨ᠂ ᠨᠢᠬᠡ ᠪᠥᠯᠥᠭ ᠬᠠᠷᠢᠯᠴᠠᠨ ᠬᠤᠯᠪᠣᠭᠳᠠᠭᠰᠠᠨ ᠭᠤᠣᠯᠳᠠᠯᠭᠠᠳᠣ ᠢᠨᠵᠧᠨᠧᠷᠢᠩ ᠢ ᠳᠠᠷᠠᠭᠠᠯᠠᠨ ᠡᠬᠢᠯᠡᠭᠦᠯᠵᠥ᠂ ᠥᠯᠵᠡᠢ ᠪᠣᠭᠤᠮᠳᠠ ᠶᠢᠨ ᠪᠥᠳᠥᠬᠡᠨ ᠪᠠᠶᠢᠭᠤᠯᠣᠯᠳᠠ ᠶᠢ ᠯᠠᠪᠳᠠᠭᠤᠨ ᠠᠬᠢᠭᠤᠯᠵᠤ᠂ ᠡᠷᠬᠢᠨ ᠲᠣᠭᠤᠷᠢᠨ ᠤ ᠭᠠᠵᠠᠷ ᠣᠷᠣᠨ ᠤ ᠠᠵᠣ ᠠᠬᠤᠢ ᠶᠢᠨ ᠲᠣᠭᠤᠷᠢᠭ ᠲᠠᠢ ᠣᠯᠠᠮ ᠰᠠᠶᠢᠨ ᠠᠭᠤᠰᠤᠯᠴᠠᠬᠤ ᠳᠤ ᠠᠰᠢᠭᠲᠠᠢ ᠪᠠᠶᠢᠵᠣ᠂ ᠴᠡᠷᠢᠭ ᠠᠷᠠᠳ ᠤᠨ ᠣᠶᠠᠯᠳᠣᠨ ᠬᠥᠭᠵᠢᠬᠦ ᠳᠤ ᠠᠰᠢᠭᠲᠠᠢ᠂ ᠣᠷᠭᠠᠨᠢᠭ ᠣᠨᠴᠠᠯᠢᠭᠳᠣ ᠲᠠᠷᠢᠶᠠᠯᠠᠩ ᠮᠠᠯ ᠠᠵᠣ ᠠᠬᠤᠢ  ᠂ ᠴᠡᠪᠡᠷ ᠡᠨᠧᠷᠬᠢ᠂ ᠰᠣᠶᠣᠯ ᠵᠢᠭᠤᠯᠴᠢᠯᠠᠯ᠂ ᠡᠯᠡᠰᠣᠨ ᠤ ᠠᠵᠣ ᠣᠶᠢᠯᠡᠰ ᠵᠡᠷᠬᠡ ᠰᠢᠨ᠎ᠡ ᠪᠠᠷ ᠬᠥᠭᠵᠢᠵᠥ ᠪᠠᠶᠢᠭ᠎ᠠ ᠠᠵᠣ ᠣᠶᠢᠯᠡᠰ ᠢ ᠬᠥᠴᠥᠷᠬᠡᠭᠵᠢᠭᠦᠯᠥᠨ ᠪᠣᠵᠠᠭᠠᠶᠢᠷᠠᠭᠤᠯᠬᠤ ᠳᠤ ᠠᠰᠢᠭᠲᠠᠢ᠃ ᠳᠣᠳᠣᠭᠠᠳᠣ ᠬᠥᠳᠡᠯᠬᠡᠬᠦ ᠬᠥᠴᠥ ᠠᠴᠠ ᠥᠵᠡᠪᠡᠯ᠂  ᠪᠢᠳᠠ ᠰᠠᠨᠠᠭᠠᠴᠢᠯᠠᠭ᠎ᠠ ᠠᠴᠠ ᠪᠠᠨ ᠪᠥᠳᠥᠴᠡ ᠶᠢᠨ ᠲᠠᠯ᠎ᠠ ᠶᠢᠨ ᠬᠠᠩᠭᠠᠯᠭ᠎ᠠ ᠶᠢᠨ ᠴᠢᠨᠠᠷ ᠲᠠᠢ ᠥᠬᠡᠷᠡᠴᠢᠯᠡᠯᠳᠡ ᠶᠢ ᠲᠥᠷᠬᠡᠳᠬᠡᠨ᠂ ᠵᠠᠰᠠᠭ ᠤᠨ ᠣᠷᠳᠣᠨ ᠤ ᠥᠷᠢ ᠥᠭᠴᠡᠭᠡ ᠶᠢ ᠬᠥᠴᠥᠯᠡᠨ ᠲᠥᠯᠥᠵᠥ᠂ ᠡᠳ᠋ ᠤᠨ ᠵᠠᠰᠠᠭ ᠤᠨ ᠣᠷᠣᠯᠭ᠎ᠠ ᠶᠢᠨ ᠶᠡᠷᠥᠩᠬᠡᠢ ᠬᠡᠮᠵᠢᠶ᠎ᠡ ᠶᠢ ᠪᠠᠳᠤᠯᠠᠵᠤ᠂ ᠴᠢᠨᠠᠷ ᠢᠶᠠᠨ ᠰᠠᠶᠢᠵᠢᠷᠠᠭᠤᠯᠤᠨ᠂ ᠠᠵᠣ ᠠᠬᠤᠢ ᠨᠡᠶᠢᠬᠡᠮ ᠤᠨ ᠡᠯ᠎ᠡ ᠠᠵᠢᠯ ᠣᠶᠢᠯᠡᠰ ᠤᠨ ᠬᠥᠭᠵᠢᠯᠳᠡ ᠳᠤ ᠪᠠᠳᠣᠯᠠᠭ᠎ᠠ ᠬᠠᠩᠭᠠᠪᠠ ᠃ ᠲᠥᠪ ᠬᠤᠷᠢᠶᠠᠨ ᠤ ᠲᠣᠭᠤᠷᠢᠨ ᠥᠵᠡᠬᠦ ᠶᠢ ︽ᠡᠷᠬᠢᠵᠣ ᠬᠠᠷᠠᠬᠤ︾ ᠪᠠ ᠣᠷᠴᠢᠨ ᠲᠣᠭᠤᠷᠢᠨ ᠤ ᠬᠠᠮᠠᠭᠠᠯᠠᠯᠳᠠ  ᠶᠢ ᠱᠠᠭᠠᠷᠳᠠᠨ ᠪᠠᠶᠢᠴᠠᠭᠠᠬᠤ ᠲᠣᠭᠤᠶᠢᠯᠠᠩ ᠤᠨ ᠢᠯᠡᠷᠡᠭᠦᠯᠥᠨ ᠲᠣᠰᠢᠶᠠᠭᠰᠠᠨ ᠰᠠᠨᠠᠯ ᠢ ᠴᠡᠭᠴᠡᠯᠡᠨ ᠨᠠᠶᠢᠳᠠᠪᠤᠷᠢᠵᠢᠭᠤᠯᠤᠭᠰᠠᠨ ᠨᠢ᠂ ᠪᠢᠳᠠᠨ ᠤ ᠠᠰᠠᠭᠤᠳᠠᠯ ᠳᠤ ᠪᠠᠨ ᠵᠥᠪ ᠢᠶᠠᠷ ᠬᠠᠨᠳᠤᠵᠤ᠂ ᠠᠵᠢᠯ ᠢᠶᠠᠨ ᠵᠠᠰᠠᠨ ᠥᠬᠡᠷᠡᠴᠢᠯᠡᠬᠦ᠂ ᠬᠥᠭᠵᠢᠯᠳᠡ ᠶᠢ ᠠᠬᠢᠭᠤᠯᠬᠤ ᠳᠤ ᠠᠵᠠ ᠵᠠᠪᠰᠢᠶᠠᠨ ᠢ ᠠᠪᠴᠢᠷᠠᠪᠠ᠃ ᠢᠯᠠᠩᠭᠤᠶ᠎ᠠ ᠪᠠᠴᠢᠮ ᠬᠥᠴᠢᠷ ᠲᠥᠭᠰᠢᠭᠦᠷᠢᠳᠥ ᠬᠥᠨᠳᠥ ᠠᠵᠢᠯ ᠡᠭᠦᠷᠬᠡ ᠪᠠᠨ ᠭᠥᠢᠴᠡᠳᠬᠡᠬᠦ ᠳᠤ᠂ ᠪᠥᠬᠦ ᠬᠤᠰᠢᠭᠤᠨ ᠤ ᠡᠯ᠎ᠡ ᠡᠳᠡᠭᠡᠳ ᠪᠥᠯᠬᠦᠮᠳᠡᠨ ᠨᠢᠬᠡᠳᠴᠣ᠂ ᠵᠣᠷᠢᠭᠲᠠᠢ ᠣᠷᠣᠭᠰᠢᠯᠠᠨ᠂ ᠢᠳᠡᠪᠬᠢᠯᠡᠨ ᠳᠡᠪᠰᠢᠬᠦ ᠥᠩᠬᠡᠷᠡᠯᠳᠡ ᠳᠤ ᠪᠠᠨ ᠬᠠᠷᠢᠭᠤᠴᠠᠯᠭ᠎ᠠ  ᠶᠢ ᠭᠤᠣᠯᠴᠢᠯᠠᠵᠣ᠂ ᠪᠡᠷᠬᠡᠰᠢᠶᠡᠯᠳᠥ ᠣᠷᠴᠢᠨ ᠳᠤ ᠬᠠᠳᠠᠭᠤᠵᠢᠨ ᠵᠣᠷᠢᠭᠵᠢᠵᠣ᠂ ᠬᠥᠴᠢᠷ ᠢ ᠲᠣᠭᠤᠯᠣᠨ ᠪᠡᠷᠬᠡ ᠶᠢ ᠢᠯᠠᠬᠤ ᠳᠣᠮᠳᠠ ᠺᠠᠳ᠋ᠷᠴᠣᠳ ᠤᠨ ᠡᠩᠨᠡᠭᠡ ᠪᠠᠨ ᠳᠠᠪᠳᠠᠨ ᠪᠣᠯᠪᠠᠰᠣᠷᠠᠭᠤᠯᠪᠠ᠂ ᠡᠳᠡᠬᠡᠷ ᠨᠢ ᠪᠢᠳᠠᠨ ᠤ ᠬᠡᠯᠪᠡᠷᠢ ᠪᠠᠨ ᠬᠤᠪᠢᠷᠠᠭᠤᠯᠣᠨ ᠳᠡᠰ ᠳᠡᠪᠰᠢᠭᠦᠯᠬᠦ᠂ ᠴᠢᠨᠠᠷᠯᠢᠭ ᠬᠥᠭᠵᠢᠬᠦ ᠳᠤ ᠴᠢᠬᠤᠯᠠ ᠶᠡᠭᠡ ᠲᠣᠯᠭᠠᠭᠤᠷᠢᠯᠠᠯ ᠢ ᠬᠠᠩᠭᠠᠪᠠ᠃ᠲᠥᠯᠥᠬᠡᠯᠡᠭᠴᠢᠳ ᠡ᠂ ᠨᠥᠬᠦᠳ ᠡ᠂ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠤᠨ᠂ ᠪᠠᠶᠠᠨ ᠬᠥᠴᠥᠷᠬᠡᠭ ᠠᠷᠠᠳᠴᠢᠯᠠᠯᠳᠣ ᠡᠶ᠎ᠡ ᠵᠣᠬᠢᠴᠠᠩᠭᠤᠢ ᠥᠵᠡᠰᠭᠦᠯᠡᠩᠳᠥ ᠠᠯᠠᠱᠠ ᠵᠡᠭᠦᠨ ᠬᠤᠰᠢᠭᠤ ᠶᠢ ᠲᠥᠷᠬᠡᠳᠬᠡᠨ ᠪᠥᠳᠥᠬᠡᠨ ᠪᠠᠶᠢᠭᠤᠯᠬᠤ ᠨᠢ᠂ ᠪᠥᠬᠦ ᠬᠤᠰᠢᠭᠤᠨ ᠤ ᠠᠷᠠᠳ ᠲᠥᠮᠡᠨ ᠤ ᠠᠰᠢᠭ ᠲᠣᠰᠠ ᠪᠠ ᠬᠠᠮᠳᠣ ᠶᠢᠨ ᠵᠣᠷᠢᠯᠳᠠ ᠶᠢ ᠲᠣᠰᠬᠠᠵᠡᠢ᠃ ᠪᠢᠳᠠ ᠰᠠᠬᠢᠨ ᠪᠠᠷᠠᠭᠠᠯᠠᠵᠣ ᠬᠠᠷᠢᠯᠴᠠᠨ ᠬᠠᠪᠰᠣᠷᠣᠯᠴᠠᠨ᠂ ᠪᠥᠯᠬᠦᠮᠳᠡᠨ ᠲᠡᠮᠡᠴᠡᠪᠡᠯ᠂ ᠯᠠᠪᠳᠠᠶᠢᠶ᠎ᠠ ᠬᠥᠭᠵᠢᠯᠳᠡ ᠶᠢ ᠲᠥᠷᠬᠡᠳᠬᠡᠬᠦ ᠬᠥᠴᠥᠷᠬᠡᠭ ᠶᠡᠭᠡ ᠬᠥᠴᠥ ᠶᠢ ᠨᠢᠭᠳᠠᠷᠠᠭᠤᠯᠵᠣ ᠴᠢᠳᠠᠨ᠎ᠠ︕ ᠪᠢᠳᠠ ᠬᠥᠭᠵᠢᠯᠳᠡ  ᠶᠢᠨ ᠨᠢᠬᠡᠳᠣᠬᠡᠷ ᠡᠭᠦᠷᠬᠡ ᠶᠢ ᠪᠠᠳᠣᠲᠠᠢ ᠬᠥᠢᠴᠡᠳᠬᠡᠵᠣ᠂ ᠢᠳᠡᠬᠡᠯ ᠵᠣᠷᠢᠭ ᠢᠶᠠᠨ ᠬᠥᠪᠴᠢᠯᠡᠨ᠂ ᠠᠵᠠ ᠲᠣᠬᠢᠶᠠᠯ ᠢ ᠠᠳᠬᠤᠪᠠᠯ᠂ ᠯᠠᠪᠳᠠᠶᠢᠶ᠎ᠠ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠣᠷᠢᠳᠣ ᠢᠯᠠᠯᠳᠠ ᠶᠢ ᠣᠯᠬᠤ ᠰᠢᠨ᠎ᠡ ᠠᠶᠠᠨ ᠳᠤ᠂ ᠠᠵᠣ ᠠᠬᠤᠢ ᠨᠡᠶᠢᠬᠡᠮ ᠤᠨ ᠬᠥᠭᠵᠢᠯᠳᠡ ᠶᠢᠨ ᠰᠢᠨ᠎ᠡ ᠪᠠᠶᠢᠳᠠᠯ ᠢ ᠲᠠᠰᠣᠷᠠᠯᠳᠠ ᠥᠬᠡᠢ ᠡᠭᠦᠳᠥᠨ ᠪᠦᠳᠦᠬᠡᠵᠤ ᠴᠢᠳᠠᠨ᠎ᠠ᠃ ᠬᠤᠶᠢᠰᠢᠳᠠ ᠶᠢᠨ ᠲᠠᠪᠣᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠥᠩᠬᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠥᠶ᠎ᠡ ᠶᠢᠨ ᠲᠣᠮᠳᠠᠳᠣ ᠣᠯᠣᠰ ᠤᠨ ᠣᠨᠴᠠᠯᠢᠭ ᠲᠠᠢ ᠨᠡᠶᠢᠬᠡᠮ ᠵᠢᠷᠣᠮ ᠤᠨ ᠥᠵᠡᠯ ᠰᠠᠨᠠᠭ᠎ᠠ  ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠠᠷᠪᠠᠨ ᠶᠢᠰᠥᠳᠥᠬᠡᠷ ᠬᠤᠷᠠᠯ ᠤᠨ ᠵᠣᠷᠢᠭ ᠰᠠᠨᠠᠭ᠎ᠠ ᠶᠢ ᠬᠥᠨᠵᠡᠬᠡᠢ ᠲᠣᠣᠱᠯᠠᠭᠤᠯᠣᠨ᠂ ᠲᠥᠪ ᠬᠤᠷᠢᠶ᠎ᠠ᠂ ᠥᠪᠡᠷᠳᠡᠬᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠣᠷᠢ ᠪᠠᠶᠢᠷᠢᠭᠤᠯᠣᠯᠳᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ ᠲᠣᠭᠳᠠᠭᠤᠨ ᠤ ᠲᠣᠮᠳᠡ ᠣᠷᠣᠭᠰᠢᠯᠡᠨ ᠲᠠᠪᠰᠢᠬᠤ ᠠᠵᠢᠯ ᠤᠨ ᠶᠡᠷᠣᠩᠬᠡᠢ ᠬᠦᠭ ᠠᠶᠠᠰ ᠢ ᠪᠠᠷᠢᠮᠳᠡᠯᠠᠵᠣ᠂ ᠰᠢᠨ᠎ᠡ  ᠬᠥᠭᠵᠢᠯᠳᠡ ᠶᠢᠨ ᠣᠶᠢᠯᠠᠭᠠᠭᠳᠠᠬᠤᠨ ᠢ ᠬᠥᠨᠵᠡᠬᠡᠢ ᠣᠶᠢᠯᠡᠳᠣᠯᠬᠡᠵᠢᠭᠦᠯᠥᠨ᠂ ᠨᠡᠶᠢᠬᠡᠮ ᠤᠨ ᠭᠤᠣᠯ ᠵᠥᠷᠢᠴᠡᠯ ᠤᠨ ᠬᠤᠪᠢᠷᠠᠯᠳᠠ ᠶᠢ ᠡᠵᠡᠮᠳᠡᠨ᠂ ᠴᠢᠨᠠᠷᠯᠢᠭ ᠬᠥᠭᠵᠢᠯᠳᠡ ᠶᠢᠨ ᠱᠠᠭᠠᠷᠳᠠᠯᠭ᠎ᠠ ᠶᠣᠰᠣᠭᠠᠷ᠂ ︽ᠲᠠᠪᠤ ᠶᠢ ᠨᠢᠬᠡ ᠴᠣᠭᠴᠠᠵᠢᠭᠤᠯᠬᠤ︾ ᠶᠡᠷᠥᠩᠬᠡᠢ ᠪᠠᠶᠢᠷᠢᠯᠠᠭᠤᠯᠣᠯᠳᠠ ᠶᠢ ᠨᠢᠬᠡᠳᠥᠯᠲᠠᠢ ᠠᠬᠢᠭᠤᠯᠵᠤ᠂ ︽ᠲᠥᠷᠪᠡᠨ ᠪᠥᠬᠦ ᠲᠠᠯ᠎ᠠ︾  ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠯᠠᠭᠤᠯᠣᠯᠳᠠ ᠶᠢ ᠵᠣᠬᠢᠴᠠᠭᠤᠯᠣᠨ ᠠᠬᠢᠭᠤᠯᠵᠣ᠂ ︽ᠭᠤᠷᠪᠠᠨ ᠬᠤᠷᠢᠭ᠎ᠠ ᠱᠣᠭᠤᠮ︾ ᠢ ᠡᠷᠡᠰ ᠰᠠᠬᠢᠨ᠂ ᠬᠠᠩᠭᠠᠯᠭ᠎ᠠ ᠶᠢᠨ ᠲᠠᠯ᠎ᠠ ᠶᠢᠨ ᠪᠥᠳᠥᠴᠡ ᠶᠢᠨ ᠴᠢᠨᠠᠷᠲᠠᠢ ᠥᠭᠡᠷᠡᠴᠢᠯᠡᠯᠳᠡ ᠪᠠᠷ ᠭᠤᠣᠯ ᠱᠣᠭᠤᠮ ᠪᠣᠯᠭᠠᠬᠤ ᠶᠢ ᠪᠠᠷᠢᠮᠳᠠᠯᠠᠨ᠂  ᠨᠡᠮᠡᠭᠳᠡᠯ ᠢ ᠲᠣᠭᠳᠠᠪᠦᠷᠢᠵᠢᠭᠤᠯᠵᠣ᠂ ᠦᠬᠡᠷᠡᠴᠢᠯᠡᠯᠳᠡ ᠶᠢ ᠠᠬᠢᠭᠤᠯᠣᠨ᠂ ᠪᠦᠳᠣᠴᠡ ᠶᠢ ᠲᠣᠬᠢᠷᠠᠭᠤᠯᠵᠣ᠂ ᠠᠷᠠᠳ ᠤᠨ ᠠᠮᠢᠳᠣᠷᠠᠯ ᠢ ᠬᠠᠯᠠᠮᠵᠢᠯᠠᠨ᠂ ᠲᠦᠭᠰᠢᠬᠦᠷᠢ ᠶᠢ ᠰᠡᠷᠬᠡᠶᠢᠯᠡᠬᠦ ᠡᠯ᠎ᠡ ᠲᠦᠷᠣᠯ ᠤᠨ ᠠᠵᠢᠯ ᠢ ᠨᠢᠬᠡᠳᠣᠯᠳᠡᠢ ᠠᠬᠢᠭᠤᠯᠵᠣ᠂  ᠥᠭᠡᠷᠡᠴᠢᠯᠡᠯᠲᠡ ᠬᠢᠵᠤ ᠴᠢᠯᠦᠭᠡᠲᠠᠢ ᠶᠠᠪᠤᠯᠴᠠᠬᠤ ᠶᠢ ᠬᠦᠴᠦᠯᠡᠨ ᠠᠬᠢᠭᠤᠯᠣᠨ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠲᠦᠷᠬᠡᠳᠬᠡᠨ ᠠᠬᠢᠭᠤᠯᠵᠣ᠂ ᠣᠯᠠᠨ ᠲᠦᠮᠡᠨ ᠤ ᠪᠣᠶᠠᠨ ᠬᠡᠰᠢᠭ ᠢ ᠬᠦᠴᠦᠯᠡᠨ ᠨᠡᠮᠡᠭᠳᠡᠭᠦᠯᠥᠨ᠂  ᠠᠮᠢ ᠠᠬᠤᠢ ᠶᠢᠨ ᠪᠣᠯᠪᠠᠰᠣᠨ ᠤ ᠪᠠᠶᠢᠭᠤᠯᠣᠯᠳᠡ ᠶᠢ ᠴᠢᠩᠭᠠᠳᠬᠠᠵᠣ᠂ ᠪᠥᠬᠦ ᠬᠥᠴᠥ ᠪᠠᠷ ᠮᠠᠨ ᠤ ᠬᠤᠰᠢᠭᠤ ᠪᠠᠨ ᠣᠯᠠᠨ ᠣᠯᠣᠰ ᠤᠨ ᠵᠢᠭᠤᠯᠴᠢᠯᠠᠯ  ᠤᠨ ᠬᠠᠷᠠᠯᠳᠠᠳᠣ ᠣᠷᠣᠨ ᠪᠠ ᠣᠯᠣᠰ ᠤᠨ ᠭᠤᠣᠯᠳᠠᠯᠭᠠᠳᠣ ᠴᠡᠷᠢᠭ ᠠᠷᠠᠳ ᠤᠨ ᠣᠶᠠᠯᠳᠣᠨ ᠬᠥᠭᠵᠢᠬᠦ ᠰᠠᠭᠤᠷᠢᠨ ᠭᠠᠵᠠᠷ᠂ ᠴᠡᠪᠡᠷ ᠡᠨᠧᠷᠬᠢ ᠶᠢᠨ ᠵᠢᠱᠢᠶ᠎ᠡ ᠥᠵᠡᠭᠦᠯᠬᠦ ᠰᠠᠭᠤᠷᠢᠨ ᠭᠠᠵᠠᠷ᠂ ᠡᠯᠡᠰᠣᠨ ᠤ ᠠᠵᠣ ᠣᠶᠢᠯᠡᠰ ᠤᠨ ᠰᠠᠭᠤᠷᠢᠨ ᠭᠠᠵᠠᠷ ᠢᠶᠠᠷ ᠪᠥᠳᠥᠬᠡᠨ ᠪᠠᠶᠢᠭᠤᠯᠬᠤ ᠪᠠᠷ  ᠴᠢᠷᠮᠠᠶᠢᠵᠤ᠂ ᠣᠭ ᠰᠠᠨᠠᠭ᠎ᠠ ᠪᠠᠨ ᠮᠠᠷᠳᠠᠯ ᠥᠬᠡᠢ᠂ ᠡᠭᠦᠷᠬᠡ ᠬᠠᠷᠢᠭᠤᠴᠠᠯᠭ᠎ᠠ ᠪᠠᠨ ᠪᠠᠳᠣ ᠴᠡᠬᠡᠵᠢᠯᠡᠨ᠂ ᠴᠢᠨᠡᠬᠡᠯᠢᠭ ᠨᠡᠶᠢᠬᠡᠮ ᠢ ᠪᠥᠬᠦ ᠲᠠᠯ᠎ᠠ ᠪᠠᠷ ᠪᠡᠶᠡᠯᠡᠭᠦᠯᠬᠦ ᠰᠢᠢᠳᠪᠣᠷᠢᠳᠣ ᠢᠯᠯᠠᠳᠠ ᠶᠢ ᠣᠯᠵᠣ᠂ ᠡᠬᠡ ᠣᠯᠣᠰ ᠤᠨ ᠣᠮᠠᠷᠠᠳᠣ ᠬᠢᠵᠠᠭᠠᠷ ᠤᠨ ᠭᠤᠶᠢᠳᠠ ᠰᠠᠶᠢᠬᠠᠨ ᠥᠵᠡᠮᠵᠢ ᠶᠢᠨ ᠣᠷᠣᠨ ᠤ ᠬᠡᠷᠡᠯᠳᠥ ᠰᠣᠪᠣᠳ ᠪᠣᠯᠬᠤ ᠪᠠᠷ ᠴᠢᠷᠮᠠᠶᠢᠨ ᠲᠡᠮᠡᠴᠡᠰᠣᠬᠡᠢ︕ ᠬᠤᠶᠢᠰᠢᠳᠠ ᠶᠢᠨ ᠲᠠᠪᠤᠨ ᠵᠢᠯ ᠤᠨ ᠠᠵᠤ ᠠᠬᠤᠢ ᠶᠢᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠤᠨ ᠨᠤᠲᠤᠭ ᠤᠨ ᠤᠶᠢᠯᠡᠳᠪᠤᠷᠢᠯᠡᠯ ᠤᠨ ᠶᠡᠷᠦᠩᠬᠡᠢ ᠥᠷᠲᠡᠭ ᠢ 8 % ᠤᠷᠴᠢᠮ ᠢᠶᠠᠷ ᠨᠡᠮᠡᠭᠳᠡᠭᠦᠯᠵᠦ᠂ 500 ᠲᠦᠮᠡᠨ ᠲᠦᠬᠦᠷᠢᠭ ᠠᠴᠠ ᠳᠡᠭᠡᠭᠰᠢᠬᠢ ᠲᠣᠭᠲᠠᠮᠠᠯ ᠬᠥᠷᠦᠩᠭᠡ ᠶᠢᠨ ᠪᠡᠯᠡ ᠤᠷᠤᠭᠤᠯᠤᠯᠲᠠ ᠶᠢ 10% ᠤᠷᠴᠢᠮ ᠢᠶᠠᠷ ᠨᠡᠮᠡᠭᠳᠡᠬᠦᠯᠦᠨ᠂ ᠡᠩ ᠤᠨ ᠨᠠᠶᠢᠳᠡ ᠶᠢᠨ ᠲᠦᠰᠦᠪ ᠤᠨ ᠤᠷᠤᠯᠭ᠎ᠠ ᠶᠢ 7 % ᠤᠷᠴᠢᠮ ᠪᠠᠷ ᠨᠡᠮᠡᠭᠳᠡᠭᠦᠯᠵᠦ᠂ ᠬᠤᠲᠠ ᠬᠥᠳᠡᠭᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠪᠦᠷᠢ ᠳᠤ ᠲᠡᠭᠰᠢᠳᠭᠡᠭᠰᠡᠨ ᠡᠵᠡᠮᠳᠡᠵᠦ ᠪᠣᠯᠬᠤ ᠣᠷᠤᠯᠭ᠎ᠠ ᠶᠢ ᠲᠤᠰᠪᠤᠷᠢ 8.5 % ᠤᠷᠴᠢᠮ ᠪᠠ 9.5% ᠤᠷᠴᠢᠮ ᠪᠠᠷ ᠨᠡᠮᠡᠭᠳᠡᠬᠦᠯᠦᠨ᠂ ᠨᠡᠶᠢᠬᠡᠮ ᠤᠨ ᠭᠡᠷᠡᠭᠯᠡᠭᠡᠨ ᠤ ᠵᠤᠶᠢᠯᠡᠰ ᠢ ᠵᠢᠵᠢᠭᠯᠡᠨ ᠪᠣᠷᠤᠯᠠᠭᠤᠯᠬᠤ ᠶᠡᠷᠦᠩᠬᠡᠢ ᠲᠤᠭ᠎ᠠ ᠶᠢ 9% ᠤᠷᠴᠢᠮ ᠪᠠᠷ ᠨᠡᠮᠡᠭᠳᠡᠭᠦᠯᠵᠦ᠂ ᠡᠯ᠎ᠡ ᠵᠣᠶᠢᠯ ᠤᠨ ᠬᠢᠵᠠᠭᠠᠷᠯᠠᠯ ᠤᠨ ᠴᠢᠨᠡᠷᠲᠠᠢ ᠬᠦᠢᠴᠡᠳᠬᠡᠯ ᠲᠤᠭ᠎ᠠ ᠶᠢ ᠳᠡᠭᠡᠳᠤ ᠱᠠᠲᠤᠨ ᠠᠴᠠ ᠱᠠᠭᠠᠷᠳᠠᠭᠰᠠᠨ ᠭᠦᠢᠴᠡᠳᠭᠡᠯ ᠲᠣᠭᠠᠨ ᠤ ᠳᠣᠲᠤᠷ᠎ᠠ ᠬᠢᠵᠠᠭᠠᠷᠯᠠᠨ᠎ᠠ  ᠃ ᠳᠡᠭᠡᠷᠡᠬᠢ ᠬᠠᠷᠠᠯᠲᠠ ᠶᠢ ᠳᠣᠭᠲᠠᠭᠠᠬᠤ ᠳᠤ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠤᠬᠤ᠂ ᠬᠤᠰᠢᠭᠤᠨ ᠤ ᠠᠷᠪᠠᠨ ᠭᠤᠷᠪᠠᠳᠤᠭᠠᠷ ᠤᠳᠠᠭᠠᠨ ᠤ ᠨᠠᠮ ᠤᠨ ᠲᠥᠯᠦᠭᠡᠯᠡᠭᠴᠢᠳ ᠤᠨ ᠶᠡᠭᠡ ᠬᠤᠷᠠᠯ ᠪᠠ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠷᠤᠨᠳᠤᠬᠢ ᠠᠪᠴᠠᠯᠳᠤᠯ ᠢ ᠶᠠᠷᠦᠩᠬᠡᠶᠢᠯᠡᠨ ᠪᠣᠳᠤᠯᠬᠢᠯᠠᠵᠤ᠂ ᠨᠡᠮᠡᠭᠳᠡᠯ ᠢ ᠲᠣᠭᠲᠠᠪᠤᠷᠢᠵᠢᠭᠤᠯᠬᠤ ᠶᠢ ᠪᠦᠲᠦᠴᠡ ᠶᠢ ᠲᠣᠬᠢᠷᠠᠭᠤᠯᠬᠤ᠂ ᠥᠭᠡᠷᠡᠴᠢᠯᠡᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠢ ᠬᠠᠯᠠᠮᠵᠢᠯᠠᠬᠤ᠂ ᠲᠦᠭᠰᠢᠭᠦᠷᠢ ᠶᠢ ᠰᠡᠷᠭᠡᠶᠢᠯᠡᠬᠦ ᠲᠠᠢ ᠵᠣᠬᠢᠴᠠᠭᠤᠯᠵᠤ᠂ ᠲᠣᠭᠲᠠᠭᠤᠨ ᠪᠠ ᠨᠡᠶᠢᠬᠡᠮ ᠤᠨ ᠬᠠᠷᠠᠯᠲᠠ ᠶᠢ ᠤᠳᠤᠷᠢᠳᠬᠤ ᠳᠤ ᠠᠰᠢᠭᠲᠠᠢ᠃ ᠪᠢᠳᠡ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭᠵᠢᠭᠤᠯᠤᠯ ᠪᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠬᠡᠮᠵᠢᠶ᠎ᠡ ᠶᠢ ᠪᠣᠳᠠᠳᠠᠶᠢᠵᠢᠭᠤᠯᠣᠭᠰᠠᠨ ᠰᠠᠭᠤᠷᠢᠨ ᠳᠡᠭᠡᠷ᠎ᠡ᠂ ᠪᠦᠬᠦ ᠬᠤᠰᠢᠭᠤᠨ ᠤ ᠡᠯ᠎ᠡ ᠡᠳᠡᠬᠡᠳ ᠤᠨ ᠴᠢᠷᠮᠠᠶᠢᠯᠭ᠎ᠠ ᠳᠣᠣᠷ᠎ᠠ᠂ ᠡᠳᠡᠭᠡᠷ ᠬᠠᠷᠠᠯᠲᠠ ᠶᠢ ᠪᠡᠶᠡᠯᠡᠬᠦᠯᠬᠦ ᠳᠤ ᠢᠳᠡᠬᠡᠯ ᠲᠠᠢ ᠪᠠᠶᠢᠨ᠎ᠠ᠃ ᠬᠤᠶᠢᠰᠢᠳᠠ ᠶᠢᠨ ᠲᠠᠪᠤᠨ ᠵᠢᠯ᠂ ᠪᠢᠳᠡ ᠡᠷᠬᠡᠪᠰᠢ ᠳᠠᠪᠤᠨ ᠢᠯᠡᠳᠲᠡ ᠳᠡᠭᠡᠭᠰᠢᠯᠡᠯᠲᠡ ᠶᠢ ᠦᠨᠡᠨᠬᠦ ᠪᠡᠶᠡᠯᠡᠬᠦᠯᠦᠨ᠎ᠡ᠄—— ᠶᠠᠷᠦᠩᠬᠡᠶᠢᠯᠡᠭᠰᠡᠨ ᠠᠵᠤ ᠠᠬᠤᠢ ᠶᠢᠨ ᠪᠣᠳᠠᠲᠤ ᠬᠦᠴᠦᠨ ᠢ ᠢᠯᠡᠳᠲᠡ ᠳᠡᠭᠡᠭᠰᠢᠯᠡᠭᠦᠯᠥᠨ᠎ᠡ᠃ ᠰᠢᠨᠡᠴᠢᠯᠡᠯᠲᠡ᠂ ᠵᠤᠬᠢᠴᠠᠭᠤᠯᠤᠯᠳᠠ᠂ ᠨᠣᠭᠤᠭᠠᠷᠠᠭᠤᠯᠤᠯᠲᠠ᠂ ᠨᠡᠭᠡᠭᠡᠯᠲᠡ᠂ ᠬᠠᠮᠲᠤ ᠪᠠᠷ ᠡᠳ᠋ᠯᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂  ᠪᠣᠳᠠᠲᠤ ᠴᠣᠭᠴᠠᠲᠤ ᠠᠵᠤ ᠠᠬᠤᠢ ᠶᠢ ᠬᠦᠴᠦᠯᠡᠨ ᠬᠥᠭᠵᠢᠭᠦᠯᠵᠦ᠂ ᠬᠥᠭᠵᠢᠯᠲᠡ ᠶᠢᠨ ᠴᠢᠨᠠᠷ ᠢᠶᠠᠨ ᠬᠦᠴᠦᠯᠡᠨ ᠳᠡᠭᠡᠭᠰᠢᠯᠡᠭᠦᠯᠵᠦ᠂ ᠣᠯᠠᠮᠵᠢᠯᠠᠯᠳᠣ ᠠᠵᠤ ᠤᠶᠢᠯᠡᠳᠪᠤᠷᠢ ᠶᠢᠨ ᠬᠡᠯᠪᠡᠷᠢ ᠪᠠᠨ ᠬᠤᠪᠢᠷᠠᠭᠤᠯᠵᠤ ᠳᠡᠰ ᠳᠡᠪᠰᠢᠭᠦᠯᠬᠦ᠂ ᠰᠢᠨ᠎ᠡ ᠠᠵᠤ ᠠᠬᠤᠶᠢᠯᠠᠯ ᠢ ᠪᠤᠯᠪᠠᠰᠤᠷᠠᠭᠤᠯᠵᠤ ᠬᠦᠭᠵᠢᠬᠦᠯᠬᠦ ᠪᠠ ᠪᠦᠰᠡ ᠨᠤᠳᠤᠭ ᠤᠨ ᠬᠠᠮᠳᠤᠷᠠᠯᠴᠠᠭ᠎ᠠ ᠨᠢ ᠰᠢᠪᠳᠤᠯᠤᠯᠳᠠ ᠲᠠᠢ ᠪᠤᠯᠵᠤ᠂ ᠬᠥᠳᠡᠭᠡ ᠲᠤᠰᠬᠤᠨ ᠢ ᠰᠡᠷᠭᠦᠭᠡᠨ ᠬᠥᠭᠵᠢᠭᠦᠯᠬᠦ ᠪᠠ ︽ᠵᠢᠷᠭᠤᠭᠠᠨ ᠬᠤᠳᠠ ᠶᠢ ᠬᠠᠮᠳᠣᠪᠠᠷ ᠴᠣᠭᠴᠠᠯᠠᠬᠤ︾ ᠲᠠᠯ᠎ᠠ  ᠶᠢᠨ ᠰᠢᠨ᠎ᠡ ᠬᠥᠭᠵᠢᠯᠲᠡ ᠶᠢ ᠪᠡᠶᠡᠯᠡᠭᠦᠯᠦᠨ᠎ᠡ᠃ ᠡᠯᠡᠰᠦᠨ ᠤ ᠠᠵᠤ ᠤᠶᠢᠯᠡᠰ᠂ ᠰᠣᠶᠣᠯ ᠵᠢᠭᠤᠯᠴᠢᠯᠠᠯ ᠤᠨ ᠠᠵᠤ ᠤᠶᠢᠯᠡᠰ᠂ ᠴᠡᠷᠢᠭ ᠠᠷᠠᠳ ᠢ ᠣᠶᠠᠯᠳᠣᠭᠤᠯᠣᠭᠰᠠᠨ ᠠᠭᠠᠷ ᠠᠶᠠᠯᠠᠯ ᠤᠨ ᠠᠵᠤ ᠤᠶᠢᠯᠡᠰ ᠢ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠪᠣᠯᠭᠠᠨ ᠪᠣᠶᠢᠵᠢᠭᠤᠯᠬᠤ ᠪᠠᠷ ᠬᠦᠴᠦᠯᠡᠵᠦ᠂ ᠣᠯᠠᠨ ᠡᠰᠢᠵᠢᠭᠰᠡᠨ ᠬᠦᠭᠵᠢᠯᠳᠡ᠂ ᠣᠯᠠᠨ ᠲᠥᠢᠯᠰᠢᠷᠡᠨ ᠲᠣᠯᠭᠠᠭᠤᠷᠢᠯᠠᠭᠰᠠᠨ ᠣᠳᠤᠬᠢᠴᠢᠯᠠᠭᠰᠠᠨ ᠠᠵᠤ ᠤᠶᠢᠯᠡᠰ ᠤᠨ ᠰᠢᠰᠲ᠋ᠧᠮ ᠢ ᠦᠨᠳᠤᠰᠤᠨ ᠳᠡᠭᠡᠨ ᠪᠦᠷᠢᠯᠳᠤᠭᠦᠯᠵᠦ᠂ ᠬᠤᠰᠢᠭᠤᠨ ᠤ ᠠᠵᠣ ᠠᠬᠤᠢ ᠶᠢᠨ ᠪᠣᠳᠠᠲᠤ ᠬᠦᠴᠦᠨ ᠢ ᠢᠯᠡᠳᠳᠡ ᠳᠡᠭᠡᠭᠰᠢᠯᠡᠭᠦᠯᠥᠨ᠎ᠡ᠃—— ᠠᠷᠠᠳ ᠤᠨ ᠠᠮᠢᠳᠣᠷᠠᠯ ᠤᠨ ᠬᠢᠷᠢ ᠲᠥᠪᠰᠢᠨ ᠢ ᠢᠯᠡᠳᠳᠡ ᠳᠡᠬᠡᠭᠰᠢᠯᠡᠭᠦᠯᠥᠨ᠎ᠡ᠃ ᠠᠷᠠᠳ ᠢᠶᠠᠷ ᠥᠨᠳᠥᠰᠥ ᠪᠣᠯᠭᠠᠬᠤ ᠶᠢ ᠪᠠᠷᠢᠮᠳᠠᠯᠠᠨ᠂ ᠬᠥᠭᠵᠢᠯᠳᠡ ᠶᠢᠨ ᠲᠣᠮᠳᠠ ᠠᠷᠠᠳ ᠤᠨ ᠠᠮᠢᠳᠣᠷᠠᠯ ᠢ ᠪᠠᠳᠣᠯᠠᠨ ᠰᠠᠶᠢᠵᠢᠷᠠᠭᠤᠯᠣᠨ᠎ᠡ᠃ ᠠᠵᠢᠯ ᠣᠯᠭᠤᠨ ᠠᠳᠠᠯ ᠪᠣᠰᠬᠠᠬᠤ ᠣᠶᠢᠯᠡᠴᠢᠯᠡᠬᠡᠨ ᠤ ᠬᠢᠷᠢ ᠲᠥᠪᠰᠢᠨ ᠢ ᠳᠡᠬᠡᠭᠰᠢᠯᠡᠭᠦᠯᠥᠨ᠂ ᠬᠥᠳᠡᠯᠮᠥᠷᠢ ᠶᠢᠨ ᠣᠷᠣᠯᠭ᠎ᠠ ᠪᠠ ᠬᠥᠷᠥᠩᠬᠡ ᠶᠢᠨ ᠴᠢᠨᠠᠷᠲᠠᠢ ᠣᠷᠣᠯᠭ᠎ᠠ ᠶᠢᠨ ᠠᠷᠭ᠎ᠠ ᠵᠠᠮ ᠢ ᠥᠷᠬᠡᠳᠬᠡᠵᠥ᠂ ᠬᠤᠳᠠ ᠬᠥᠳᠡᠬᠡᠨ ᠤ ᠪᠠᠶᠢᠩᠭᠤ ᠶᠢᠨ ᠰᠠᠭᠤᠭᠠᠯᠢ ᠠᠷᠠᠳ ᠤᠨ ᠲᠡᠭᠰᠢᠳᠬᠡᠭᠰᠡᠨ ᠡᠵᠡᠮᠳᠡᠵᠥ ᠪᠣᠯᠬᠤ ᠣᠷᠣᠯᠭ᠎ᠠ ᠶᠢ ᠠᠵᠣ ᠠᠬᠤᠢ ᠶᠢᠨ ᠨᠡᠮᠡᠭᠳᠡᠯ ᠠᠴᠠ ᠶᠡᠭᠡ ᠪᠠᠶᠢᠬᠤ ᠶᠢ ᠪᠠᠳᠣᠯᠠᠨ᠎ᠠ᠃ ᠬᠤᠳᠠ ᠬᠥᠳᠡᠬᠡᠨ ᠤ ᠨᠢᠬᠡ ᠴᠣᠭᠴᠠᠵᠢᠭᠤᠯᠣᠯᠳᠠ  ᠶᠢᠨ ᠪᠥᠳᠥᠴᠡ ᠲᠣᠭᠳᠠᠯᠴᠠᠭ᠎ᠠ ᠶᠢ ᠲᠡᠭᠦᠯᠳᠡᠷᠵᠢᠭᠦᠯᠵᠥ᠂ ᠨᠡᠶᠢᠬᠡᠮ ᠤᠨ ᠨᠡᠶᠢᠳᠡ ᠶᠢᠨ ᠣᠶᠢᠯᠡᠴᠢᠯᠡᠬᠡᠨ ᠤ ᠬᠢᠷᠢ ᠲᠥᠪᠰᠢᠨ ᠪᠠ ᠲᠡᠩᠴᠡᠭᠦᠷᠢᠵᠢᠯᠳᠡ ᠶᠢᠨ ᠬᠢᠷᠢ ᠲᠥᠪᠰᠢᠨ ᠢ ᠲᠠᠰᠣᠷᠠᠯᠳᠠ ᠥᠬᠡᠢ ᠳᠡᠭᠡᠭᠰᠢᠯᠡᠭᠦᠯᠥᠨ᠂ ᠬᠤᠳᠠ ᠬᠥᠳᠡᠬᠡᠨ ᠤ ᠰᠠᠭᠤᠭᠠᠯᠢ ᠠᠷᠠᠳ ᠤᠨ ᠡᠳᠣᠷ ᠢᠷᠡᠭᠦᠶ᠎ᠡ ᠨᠡᠮᠡᠭᠳᠡᠵᠥ ᠪᠠᠶᠢᠭ᠎ᠠ ᠰᠠᠶᠢᠨ ᠰᠠᠶᠢᠬᠠᠨ ᠠᠮᠢᠳᠣᠷᠠᠯ ᠤᠨ ᠱᠠᠭᠠᠷᠳᠠᠯᠭ᠎ᠠ ᠶᠢ ᠬᠠᠩᠭᠠᠨ᠎ᠠ᠃ ᠨᠡᠩ ᠲᠡᠭᠦᠯᠳᠡᠷᠵᠢᠭᠰᠡᠨ ᠨᠡᠶᠢᠬᠡᠮ ᠤᠨ ᠪᠠᠳᠣᠯᠠᠭᠠᠨ ᠤ ᠰᠢᠰᠲ᠋ᠧᠮ ᠢ ᠪᠠᠶᠢᠭᠤᠯᠵᠣ᠂ ᠠᠷᠠᠳ ᠲᠦᠮᠡᠨ ᠤ ᠣᠯᠣᠯᠳᠠᠳᠣ ᠰᠡᠳᠬᠢᠭᠳᠡᠯ᠂ ᠵᠣᠯ ᠵᠢᠷᠭᠠᠯᠳᠣ ᠰᠡᠳᠬᠢᠭᠳᠡᠯ᠂ ᠠᠮᠦᠷ ᠲᠦᠪᠰᠢᠨ ᠰᠡᠳᠬᠢᠭᠳᠡᠯ ᠢ ᠨᠡᠩ ᠬᠠᠩᠭᠠᠯᠳᠠ ᠲᠠᠢ᠂ ᠪᠠᠳᠣᠯᠠᠭ᠎ᠠ ᠲᠠᠢ᠂ ᠦᠷᠬᠦᠯᠵᠢ ᠶᠢᠨ ᠬᠡᠪᠰᠢᠯ ᠲᠠᠢ ᠪᠣᠯᠭᠠᠨ᠎ᠠ᠃ ᠨᠣᠪᠴᠢᠲᠠᠢ ᠪᠠᠷ ᠶᠠᠳᠠᠭᠤ  ᠶᠢ ᠳᠡᠳᠭᠦᠭᠦ᠂ ᠣᠨᠣᠪᠴᠢᠲᠠᠢ ᠪᠠᠷ ᠶᠠᠳᠠᠭᠤ ᠠᠴᠠ ᠠᠩᠬᠢᠵᠢᠷᠠᠭᠤᠯᠬᠤ ᠠᠷᠭ᠎ᠠ ᠪᠣᠳᠣᠯᠭ᠎ᠠ ᠶᠢ ᠬᠢᠨᠠᠮᠠᠭᠠᠢ ᠨᠠᠶᠢᠳᠠᠪᠣᠷᠢᠵᠢᠭᠤᠯᠵᠣ᠂ 2020 ᠣᠨ ᠪᠣᠯᠬᠤ ᠳᠤ᠂ ᠣᠯᠣᠰ ᠤᠨ ᠤᠳᠤᠬᠠᠨ ᠳᠤ ᠬᠡᠷᠡᠭᠵᠢᠭᠦᠯᠵᠥ ᠪᠠᠶᠢᠭ᠎ᠠ ᠪᠠᠷᠢᠮᠵᠢᠶ᠎ᠠ ᠪᠠᠷ ᠪᠠᠷᠢᠮᠵᠢᠶ᠎ᠠ ᠪᠤᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠶᠠᠳᠠᠭᠤ ᠬᠥᠴᠢᠷᠳᠡᠯᠲᠠᠢ ᠬᠥᠮᠥᠨ ᠠᠮᠠ  ᠶᠢ ᠴᠢᠨᠡᠬᠡᠯᠢᠭ ᠲᠥᠪᠰᠢᠨ ᠳᠤ ᠣᠷᠣᠭᠤᠯᠵᠣ᠂ ᠶᠠᠳᠠᠭᠤ ᠬᠥᠴᠢᠷᠳᠡᠯᠲᠠᠢ ᠪᠣᠯᠬᠤ ᠬᠡᠮᠵᠢᠶᠡᠨ ᠳᠤ ᠬᠦᠷᠬᠦ ᠬᠥᠮᠥᠰ ᠤᠨ ᠨᠣᠷᠮ᠎ᠠ ᠶᠢ 2% ᠳᠣᠳᠣᠷ᠎ᠠ ᠪᠠᠳᠣᠯᠠᠨ᠎ᠠ᠃ —— ᠠᠮᠢ ᠠᠬᠤᠢ ᠣᠷᠴᠢᠨ ᠲᠣᠭᠤᠷᠢᠨ ᠤ ᠴᠢᠨᠡᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠥᠨ᠎ᠡ᠃ ᠬᠥᠭᠵᠢᠯᠲᠡ ᠶᠢᠨ ᠦᠨᠳᠤᠰᠤᠨ ᠱᠤᠭᠤᠮ᠂ ᠠᠮᠢ ᠠᠬᠤᠢ ᠶᠢᠨ ᠬᠤᠷᠢᠭ᠎ᠠ ᠱᠤᠭᠤᠮ ᠢ ᠴᠢᠩᠭ᠎ᠠ ᠪᠠᠷᠢᠮᠲᠠᠯᠠᠵᠤ᠂ ᠬᠥᠭᠵᠢᠯᠲᠡ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠷᠢᠴᠠᠭ᠎ᠠ ᠶᠢ ᠤᠯᠠᠮ ᠰᠠᠶᠢᠳᠣᠷ ᠰᠡᠢᠳᠪᠤᠷᠢᠯᠡᠵᠦ᠂ ᠠᠮᠢ ᠠᠬᠤᠢ ᠣᠷᠴᠢᠨ ᠲᠤᠭᠤᠷᠢᠨ ᠤ ᠥᠷᠡᠭᠳᠡᠯ ᠢᠶᠠᠷ ᠠᠵᠤ ᠠᠬᠤᠢ ᠶᠢᠨ ᠨᠡᠮᠡᠭᠳᠡᠯ ᠢ ᠰᠣᠯᠢᠬᠤ ᠦᠭᠡᠢ᠃ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠰᠠᠶᠢᠲᠤᠷ  ᠪᠡᠶᠡᠯᠡᠭᠦᠯᠵᠦ᠂ ᠬᠤᠲᠠ ᠬᠥᠳᠡᠬᠡᠨ ᠤ ᠨᠣᠭᠤᠭᠠᠷᠠᠭᠤᠯᠤᠯᠲᠠ ᠶᠢᠨ ᠠᠵᠢᠯᠯᠠᠭ᠎ᠠ ᠶᠢ ᠦᠷᠭᠦᠯᠵᠢᠯᠡᠨ ᠦᠷᠨᠢᠭᠦᠯᠵᠦ᠂ ᠪᠦᠬᠦ ᠬᠤᠰᠢᠭᠤᠨ‌‍ᠤ ᠨᠣᠳᠤᠭ ᠪᠡᠯᠴᠢᠬᠡᠷ ᠤᠨ ᠣᠷᠭᠤᠮᠠᠯ ᠤᠨ ᠪᠥᠷᠬᠦᠴᠡ ᠪᠠ ᠣᠢ ᠰᠢᠭᠤᠢ ᠶᠢᠨ ᠪᠦᠷᠬᠦᠴᠡ ᠶᠢ ᠲᠣᠰᠪᠤᠷᠢ 25% ᠪᠠ 14.5% ᠳᠤ ᠬᠦᠷᠬᠡᠵᠤ᠂ ᠭᠠᠵᠠᠷ ᠳᠣᠣᠷᠠᠬᠢ ᠤᠰᠤ ᠶᠢ ᠬᠡᠲᠤᠷᠡᠲᠡᠯ᠎ᠡ ᠠᠰᠢᠭᠯᠠᠭᠰᠨ ᠣᠷᠣᠨ ᠤ ᠬᠡᠷᠡᠭᠯᠡᠭᠡ ᠪᠠ ᠨᠥᠬᠦᠪᠦᠷᠢᠯᠡᠯᠲᠡ ᠶᠢ ᠲᠡᠩᠴᠡᠭᠦᠷᠢᠰᠢᠯᠡᠭᠦᠯᠥᠨ᠎ᠡ᠃ ᠪᠣᠬᠢᠷᠳᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢ ᠰᠠᠶᠢᠲᠤᠷ ᠬᠢᠵᠦ᠂ ᠠᠵᠤ ᠤᠶᠢᠯᠡᠳᠪᠤᠷᠢ ᠠᠵᠦ ᠠᠬᠤᠶᠢᠯᠡᠯ ᠤᠨ ᠭᠠᠳᠠᠭᠰᠢᠯᠠᠭᠤᠯᠤᠯᠲᠠ ᠶᠢ ᠪᠠᠷᠢᠮᠵᠢᠶ᠎ᠡ ᠳᠤ ᠬᠥᠷᠬᠡᠵᠥ᠂ ᠭᠤᠣᠯᠳᠠᠯᠭᠠᠲᠤ ᠬᠤᠲᠠ ᠪᠠᠯᠭᠠᠰᠤᠨ ᠤ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠴᠤᠭᠯᠠᠭᠤᠯᠬᠤ ᠪᠠ ᠰᠢᠢᠳᠪᠣᠷᠢᠯᠡᠬᠦ ᠨᠣᠷᠮ᠎ᠠ ᠶᠢ ᠢᠯᠡᠳᠳᠡ ᠳᠡᠭᠡᠭᠰᠢᠯᠡᠭᠦᠯᠵᠦ᠂ ᠲᠠᠷᠢᠶᠠᠯᠠᠩ ᠠᠵᠤ ᠠᠬᠤᠢ ᠶᠢᠨ ᠪᠣᠬᠢᠷᠳᠤᠯ ᠤᠨ ᠡᠬᠢ ᠰᠣᠷᠪᠣᠯᠵᠢ ᠶᠢᠨ ᠠᠰᠠᠭᠤᠳᠠᠯ ᠢ ᠪᠦᠲᠦᠮᠵᠢᠲᠠᠢ ᠰᠢᠢᠳᠪᠣᠷᠢᠯᠡᠵᠥ᠂ ᠭᠤᠤᠯᠳᠠᠯᠭᠠᠳᠤ ᠪᠣᠬᠢᠷᠳᠤᠯ ᠡᠳ᠋ ᠢ ᠭᠠᠳᠠᠭᠰᠢᠯᠠᠭᠤᠯᠬᠤ ᠬᠡᠮᠵᠢᠶ᠎ᠡ ᠶᠢ ᠶᠡᠬᠡᠪᠡᠷ ᠪᠠᠭᠠᠰᠬᠠᠨ᠂ ᠪᠠᠶᠢᠭᠠᠶᠢᠯᠢ ᠶᠢᠨ ᠬᠠᠮᠠᠭᠠᠯᠠᠯᠲᠠ ᠶᠢᠨ ᠣᠷᠤᠨ ᠳᠠᠬᠢ ᠠᠭᠤᠷᠬᠠᠢ ᠶᠢᠨ ᠡᠷᠬᠡ ᠶᠢ ᠡᠮᠬᠢ ᠳᠠᠷᠠᠭᠠᠯᠠᠯ ᠲᠠᠢ ᠥᠬᠡᠶᠢᠰᠬᠡᠵᠥ᠂ ᠮᠠᠨ ᠤ ᠬᠤᠰᠢᠭᠤ ᠪᠠᠨ ᠤᠯᠤᠰ ᠤᠨ ᠴᠢᠬᠤᠯᠠ ᠠᠮᠢ ᠠᠬᠤᠢ ᠶᠢᠨ ᠴᠢᠳᠡᠪᠬᠢᠳᠥ ᠵᠢᠱᠢᠶ᠎ᠡ ᠦᠵᠡᠭᠦᠯᠬᠦ ᠣᠷᠤᠨ ᠪᠣᠯᠭᠠᠬᠤ ᠪᠠᠷ ᠬᠦᠴᠦᠯᠡᠨ ᠴᠢᠷᠮᠠᠶᠢᠵᠦ᠂ ᠠᠷᠠᠳ ᠨᠢ ᠴᠢᠨᠡᠭᠡᠯᠢᠭ᠂ ᠠᠮᠢ ᠠᠬᠤᠢ ᠣᠷᠴᠢᠨ ᠲᠣᠭᠤᠷᠢᠨ ᠭᠤᠶᠣᠮᠰᠤᠭ ᠪᠠᠶᠢᠬᠤ ᠶᠢ ᠪᠡᠶᠡᠯᠡᠭᠦᠯᠵᠦ᠂ ᠠᠮᠢ ᠠᠬᠤᠢ ᠶᠢᠨ ᠪᠣᠯᠪᠠᠰᠤᠨ ᠤ ᠰᠢᠨ᠎ᠡ ᠴᠠᠭ ᠡᠷᠡᠨ ᠵᠦᠭ ᠤᠷᠤᠭᠰᠢᠯᠠᠨ᠎ᠠ᠃——  ᠥᠬᠡᠷᠡᠴᠢᠯᠡᠯᠳᠡ ᠰᠢᠨᠡᠴᠢᠯᠡᠯᠳᠡ ᠶᠢᠨ ᠦᠷ᠎ᠡ ᠪᠦᠲᠦᠮᠵᠢ ᠪᠠᠨ ᠢᠯᠡᠳᠲᠡ ᠳᠡᠭᠡᠭᠰᠢᠯᠡᠭᠦᠯᠥᠨ᠎ᠡ᠃ ᠪᠦᠬᠦ ᠲᠠᠯ᠎ᠠ ᠪᠠᠷ ᠬᠥᠴᠥᠯᠡᠨ᠂ ᠣᠯᠠᠨ ᠴᠡᠭ ᠢᠶᠠᠷ ᠰᠢᠪᠳᠥᠯᠵᠣ᠂ ᠭᠦᠨᠵᠡᠭᠡᠶᠢᠷᠡᠭᠦᠯᠦᠨ ᠠᠬᠢᠭᠤᠯᠬᠤ ᠶᠢ ᠪᠠᠷᠢᠮᠲᠠᠯᠠᠵᠤ᠂ ᠦᠬᠡᠷᠡᠴᠢᠯᠡᠯᠳᠡ ᠶᠢᠨ ᠰᠢᠰᠲ᠋ᠧᠮᠳᠣ ᠴᠢᠨᠠᠷ᠂ ᠪᠦᠬᠦᠯᠢ ᠴᠣᠭᠴᠠᠲᠤ ᠴᠢᠨᠠᠷ᠂ ᠵᠤᠬᠢᠴᠠᠭᠤᠯᠬᠤ ᠴᠢᠨᠠᠷ ᠢ ᠬᠦᠴᠦᠯᠡᠨ ᠨᠡᠮᠡᠭᠳᠡᠭᠦᠯᠵᠦ᠂ ᠥᠭᠡᠷᠡᠴᠢᠯᠡᠯᠲᠡ ᠶᠢᠨ ᠥᠷᠬᠡᠨ ᠳᠡᠯᠬᠡᠷ ᠪᠠ ᠬᠥᠨᠵᠡᠬᠡᠢ ᠨᠠᠷᠢᠯᠢᠭ ᠢ ᠡᠮᠬᠢ ᠳᠠᠷᠠᠭᠠᠯᠠᠯ ᠲᠠᠢ ᠶᠠᠪᠣᠭᠳᠠᠭᠤᠯᠵᠣ᠂ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠣᠭᠤᠮᠢ ᠶᠢ ᠥᠷᠭᠦᠯᠵᠢᠯᠡᠨ ᠲᠠᠶᠢᠯᠠᠨ᠎ᠠ᠃ ︽ᠭᠤᠷᠪᠠᠨ ᠲᠥᠷᠦᠯ ᠢ ᠤᠷᠢᠳᠠᠪᠠᠷ ᠣᠶᠢᠯᠡᠳᠣᠯᠬᠡᠵᠢᠭᠦᠯᠥᠨ ᠲᠤᠷᠰᠢᠬᠤ ᠥᠭᠡᠷᠡᠴᠢᠯᠡᠯᠲᠡ︾ ᠶᠢ ᠦᠷᠭᠦᠯᠵᠢᠯᠡᠨ ᠠᠬᠢᠭᠤᠯᠵᠤ᠂ ᠳᠡᠭᠡᠲᠤ ᠱᠠᠲᠤᠨ ᠤ ᠡᠯ᠎ᠡ ᠵᠤᠶᠢᠯ ᠤᠨ ᠥᠭᠡᠷᠡᠴᠢᠯᠡᠯᠲᠡ ᠶᠢᠨ ᠰᠢᠢᠳᠪᠣᠷᠢ ᠪᠠᠶᠢᠷᠢᠯᠠᠭᠤᠯᠤᠯᠲᠠ ᠶᠢ ᠬᠢᠨᠡᠮᠠᠭᠠᠢ ᠲᠤᠤᠱᠯᠠᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠤᠯᠠᠮ ᠨᠢᠭᠡ ᠠᠯᠬᠤᠮ ᠨᠠᠷᠢᠯᠢᠭᠵᠢᠨ ᠲᠣᠣᠱᠯᠠᠭᠳᠠᠬᠤ ᠶᠢ ᠪᠠᠲᠤᠯᠠᠨ᠎ᠠ᠃ ᠬᠥᠭᠵᠢᠯᠲᠡ ᠶᠢᠨ ᠤᠳᠤᠷᠢᠳᠤᠮᠵᠢ ᠪᠠ ᠠᠰᠠᠭᠤᠳᠠᠯ ᠤᠨ ᠤᠳᠤᠷᠢᠳᠤᠮᠵᠢ ᠶᠢ ᠴᠢᠬᠤᠯᠠᠴᠢᠯᠠᠵᠤ᠂ ᠪᠣᠳᠠᠲᠠᠢ ᠳᠤ ᠤᠶᠠᠯᠳᠤᠭᠤᠯᠵᠤ᠂ ᠢᠲᠡᠪᠬᠢᠲᠠᠢ ᠰᠥᠪᠡᠭᠴᠢᠯᠡᠨ᠂ ᠳᠤᠷᠰᠢᠯᠳᠠ ᠶᠢᠨ ᠴᠡᠭ ᠤᠨ ᠥᠭᠡᠷᠡᠴᠢᠯᠡᠯᠲᠡ᠂ ᠣᠨᠴᠠᠯᠢᠭᠲᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠠᠵᠤ ᠠᠬᠤᠢ᠂ ᠠᠮᠢ ᠠᠬᠤᠢ᠂ ᠨᠡᠶᠢᠬᠡᠮ᠂ ᠠᠷᠠᠳ ᠤᠨ ᠠᠮᠢᠳᠤᠷᠠᠯ ᠵᠡᠷᠭᠡ ᠭᠤᠤᠯᠳᠠᠯᠭᠠᠲᠤ ᠥᠭᠡᠷᠡᠴᠢᠯᠡᠯᠲᠡ ᠶᠢᠨ ᠬᠥᠷᠢᠶ᠎ᠡ ᠬᠡᠪᠴᠢᠶᠡᠨ ᠳᠤ ᠰᠢᠨ᠎ᠡ ᠰᠢᠪᠲᠤᠯᠤᠯᠲᠠ ᠣᠯᠬᠤ  ᠪᠠᠷ ᠬᠦᠴᠦᠯᠡᠵᠦ᠂ ᠬᠠᠮᠤᠭ ᠶᠡᠭᠡ ᠬᠡᠮᠵᠢᠶ᠎ᠡ ᠪᠠᠷ ᠲᠥᠷᠦ ᠶᠢᠨ ᠪᠣᠳᠣᠯᠭ᠎ᠠ ᠶᠢᠨ ᠠᠰᠢᠭ ᠲᠤᠰᠠ ᠶᠢ ᠠᠰᠢᠭᠯᠠᠨ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠶᠢ ᠪᠦᠬᠦ ᠬᠤᠰᠢᠭᠤᠨ ᠤ ᠡᠯ᠎ᠡ ᠦᠨᠳᠤᠰᠦᠲᠡᠨ ᠤ ᠠᠷᠠᠳ ᠲᠥᠮᠡᠨ ᠬᠠᠮᠲᠤᠪᠠᠷ ᠡᠳ᠋ᠯᠡᠬᠦᠯᠦᠨ᠎ᠡ᠃ —— ᠰᠣᠶᠣᠯ ᠤᠨ ᠴᠡᠴᠡᠭᠯᠡᠯᠲᠡ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠥᠨ᠎ᠡ᠃ ᠰᠣᠶᠣᠯ ᠤᠨ ᠣᠳᠣᠷᠢᠳᠣᠮᠵᠢ ᠶᠢ ᠪᠠᠷᠢᠮᠲᠠᠯᠠᠵᠤ᠂ ᠣᠶᠤᠨ ᠤ ᠪᠣᠯᠪᠠᠰᠤᠨ ᠪᠠ ᠪᠣᠳᠠᠰ ᠤᠨ ᠪᠣᠯᠪᠠᠰᠤᠨ ᠤ ᠬᠠᠷᠢᠯᠴᠠᠨ ᠲᠥᠰᠢᠭᠯᠡᠯᠴᠡᠵᠥ᠂ ᠬᠠᠷᠢᠯᠴᠠᠨ ᠠᠬᠢᠭᠤᠯᠬᠤ ᠶᠢ ᠵᠣᠬᠢᠴᠠᠭᠤᠯᠣᠨ ᠬᠥᠨᠵᠡᠬᠡᠶᠢᠷᠡᠭᠦᠯᠵᠥ᠂ ᠨᠡᠶᠢᠬᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯ ᠢ ᠨᠡᠶᠢᠬᠡᠮ ᠤᠨ ᠡᠯ᠎ᠡ ᠲᠠᠯ᠎ᠠ ᠳᠤ ᠦᠨᠡᠨᠬᠦ ᠠᠭᠤᠰᠤᠯᠴᠠᠵᠤ᠂ ᠬᠦᠮᠦᠰ ᠤᠨ ᠰᠡᠳᠭᠢᠯ ᠤᠨ ᠮᠡᠳᠡᠷᠡᠮᠵᠢ ᠪᠠ ᠠᠮᠢᠳᠤᠷᠠᠯ ᠤᠨ ᠳᠠᠳᠬᠠᠯ ᠪᠣᠯᠭᠠᠨ ᠬᠤᠪᠢᠷᠠᠭᠤᠯᠤᠨ᠎ᠠ᠃ ᠣᠨᠴᠠᠯᠢᠭ ᠢᠶᠠᠨ ᠲᠣᠪᠣᠶᠢᠯᠭᠠᠨ᠂ ᠳᠠᠪᠠᠭᠤᠯᠢᠭ ᠢᠶᠠᠨ ᠪᠠᠳᠠᠷᠠᠭᠤᠯᠵᠤ᠂ ᠭᠦᠨᠵᠡᠭᠡᠢ ᠠᠭᠤᠰᠤᠯᠴᠠᠯ ᠢ ᠪᠡᠶᠡᠯᠡᠭᠦᠯᠥᠨ᠂ ᠰᠢᠯᠢᠳᠡᠭ ᠤᠯᠠᠮᠵᠢᠯᠠᠯᠲᠤ ᠰᠣᠶᠣᠯ ᠢᠶᠠᠨ ᠶᠡᠬᠡᠪᠡᠷ ᠮᠠᠨᠳᠤᠭᠤᠯᠵᠤ᠂  ᠦᠨᠳᠦᠰᠦᠳᠡᠨ ᠤ ᠵᠠᠩ ᠤᠶᠢᠯᠠ ᠶᠢ ᠭᠦᠨᠵᠡᠭᠡᠢ ᠰᠤᠳᠤᠯᠵᠤ᠂  ᠨᠣᠳᠤᠭ ᠣᠷᠤᠨ ᠤ ᠰᠣᠶᠣᠯ ᠤᠨ ᠨᠡᠷᠡᠲᠤ ᠲᠡᠮᠳᠡᠭ ᠢ ᠡᠬᠦᠳᠬᠦ ᠪᠠᠷ ᠬᠦᠴᠦᠯᠡᠵᠦ᠂ ᠰᠣᠶᠣᠯ ᠤᠷᠠᠯᠢᠭ ᠤᠨ ᠰᠣᠩᠭᠤᠳᠠᠭ ᠪᠥᠳᠥᠬᠡᠯ ᠢ ᠲᠠᠰᠤᠷᠠᠯᠲᠠ ᠦᠭᠡᠢ ᠡᠭᠦᠳᠴᠥ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠱᠠᠭᠠᠷᠳᠠᠯᠭ᠎ᠠ ᠳᠤ ᠨᠡᠶᠢᠴᠡᠭᠰᠡᠨ ᠣᠳᠣᠬᠢᠴᠢᠯᠠᠭᠰᠠᠨ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ ᠰᠢᠰᠲ᠋ᠧᠮ ᠢ ᠤᠯᠠᠮ ᠲᠡᠭᠦᠯᠳᠡᠷᠵᠢᠭᠦᠯᠵᠦ᠂ ᠨᠡᠶᠢᠲᠡ ᠶᠢᠨ ᠰᠣᠶᠣᠯ ᠤᠨ ᠤᠶᠢᠯᠡᠴᠢᠯᠡᠭᠡᠨ ᠤ  ᠪᠠᠷᠢᠮᠵᠢᠶᠠᠵᠢᠭᠰᠠᠨ᠂ ᠲᠡᠩᠴᠡᠭᠦᠷᠢᠵᠢᠭᠰᠡᠨ ᠬᠢᠷᠢ ᠲᠥᠪᠰᠢᠨ ᠢ ᠢᠯᠡᠳᠳᠡ ᠳᠡᠭᠡᠭᠰᠢᠯᠡᠬᠦᠯᠵᠥ  ᠂ ᠥᠯᠡᠮᠵᠢ  ᠪᠠᠶᠠᠯᠢᠭ  ᠴᠡᠴᠡᠭᠯᠡᠨ ᠬᠥᠭᠵᠢᠭᠰᠡᠨ ᠰᠣᠶᠣᠯ ᠤᠨ ᠠᠮᠢ ᠠᠬᠤᠢ ᠶᠢ ᠪᠣᠢ ᠪᠣᠯᠭᠠᠨ᠎ᠠ᠃—— ᠵᠠᠰᠠᠭ ᠤᠨ ᠣᠷᠳᠣᠨ ᠤ ᠪᠦᠲᠦᠭᠡᠨ ᠪᠠᠶᠢᠭᠤᠯᠤᠯᠲᠠ ᠶᠢ ᠢᠯᠡᠳᠲᠡ ᠳᠡᠭᠡᠭᠰᠢᠯᠡᠭᠦᠯᠥᠨ᠎ᠡ᠃ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶᠢᠷᠡᠭᠦᠯᠦᠨ ᠲᠤᠤᠱᠯᠠᠭᠤᠯᠵᠤ᠂ ︽ ᠳᠥᠷᠪᠡᠨ ᠦᠵᠡᠯ ᠤᠬᠠᠮᠰᠠᠷ︾ ᠢ ᠪᠠᠲᠤᠳᠬᠠᠵᠤ᠂ ᠵᠠᠰᠠᠭ ᠵᠠᠬᠢᠷᠭᠠᠨ ᠤ ᠡᠷᠬᠡ ᠪᠠᠨ ᠴᠣᠮᠬᠠᠳᠬᠠᠵᠣ᠂ ᠡᠷᠬᠡ ᠲᠣᠰᠢᠶᠠᠯ ᠢᠶᠠᠨ ᠵᠣᠬᠢᠰᠲᠠᠢ ᠬᠡᠷᠡᠭᠵᠢᠭᠦᠯᠥᠨ᠂ ᠤᠶᠢᠯᠡᠴᠢᠯᠡᠭᠡ ᠪᠠᠨ ᠰᠢᠯᠢᠳᠡᠭᠵᠢᠭᠦᠯᠬᠦ ᠶᠢ ᠭᠦᠨᠵᠡᠭᠡᠶᠢᠷᠡᠭᠦᠯᠵᠦ᠂ ᠵᠠᠰᠠᠭ ᠤᠨ ᠣᠷᠳᠤᠨ ᠤ ᠴᠢᠳᠠᠮᠵᠢ ᠶᠢ ᠬᠤᠪᠢᠷᠠᠭᠤᠯᠬᠤ ᠪᠠᠨ ᠲᠦᠷᠭᠡᠳᠭᠡᠵᠦ᠂ ᠵᠠᠰᠠᠭ ᠵᠠᠬᠢᠷᠭᠠᠨ ᠤ ᠴᠢᠳᠠᠪᠣᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠤᠯᠢ ᠪᠠᠷ ᠵᠠᠰᠠᠭ ᠪᠠᠷᠢᠬᠤ᠂ ᠠᠷᠠᠳ ᠲᠤ ᠤᠶᠢᠯᠡᠴᠢᠯᠡᠬᠦ᠂ ᠢᠯᠵᠢᠷᠡᠯ ᠢ ᠰᠡᠷᠬᠡᠶᠢᠯᠡᠨ ᠲᠡᠪᠴᠢᠬᠦ  ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠯᠠᠪᠳᠠᠭᠤᠨ ᠪᠥᠳᠥᠮᠵᠢᠲᠠᠢ ᠠᠵᠢᠯᠯᠠᠬᠤ ᠪᠠᠷ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠣᠯᠠᠨ ᠲᠥᠮᠡᠨ ᠤ ᠪᠣᠶᠠᠨ ᠬᠡᠰᠢᠭ ᠢ ᠨᠡᠮᠡᠭᠳᠡᠭᠦᠯᠥᠨ᠂ ᠠᠷᠠᠳ ᠤᠨ ᠬᠠᠨᠣᠮᠵᠢᠲᠠᠢ ᠵᠠᠰᠠᠭ ᠤᠨ ᠣᠷᠳᠤᠨ ᠢ ᠴᠢᠷᠮᠠᠶᠢᠨ ᠴᠣᠭᠴᠠᠯᠠᠨ᠎ᠠ᠃   ᠨᠡᠷᠡᠰ ᠤᠨ ᠳᠠᠶᠢᠯᠪᠤᠷᠢ1. ᠰᠢᠨ᠎ᠡ ᠬᠥᠭᠵᠢᠯᠳᠡ ᠶᠢᠨ ᠣᠶᠢᠯᠠᠭᠠᠭᠳᠠᠬᠤᠨ᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠥᠬᠡᠢ᠂ ᠴᠢᠯᠥᠬᠡᠲᠠᠢ ᠶᠠᠪᠣᠯᠴᠠᠬᠤ᠂ ᠬᠠᠮᠳᠣᠪᠠᠷ ᠡᠳ᠋ᠯᠡᠬᠦ ᠬᠥᠭᠵᠢᠯᠳᠡ ᠶᠢᠨ ᠣᠶᠢᠯᠠᠭᠠᠭᠳᠠᠬᠤᠨ ᠢ ᠵᠢᠭᠠᠵᠣ᠂ ᠪᠥᠬᠦ ᠲᠠᠯ᠎ᠠ ᠶᠢᠨ  ᠂ ᠥᠨᠳᠥᠰᠥᠨ᠂ ᠣᠷᠳᠣ ᠴᠠᠭ ᠤᠨ ᠵᠢᠯᠣᠭᠤᠳᠣᠬᠤ ᠣᠶᠢᠯᠡᠳᠣᠯ ᠲᠠᠢ᠂ ︽ᠠᠷᠪᠠᠨ ᠭᠤᠷᠪᠠᠳᠣᠭᠠᠷ ᠲᠠᠪᠣᠨ ᠵᠢᠯ︾  ᠤᠨ ᠲᠥᠯᠥᠪᠵᠢᠭᠦᠯᠬᠡ ᠵᠢᠴᠢ ᠨᠡᠩ ᠣᠷᠳᠣ ᠬᠤᠭᠤᠴᠠᠭᠠᠨ ᠤ ᠮᠠᠨ ᠤ ᠣᠯᠣᠰ ᠤᠨ ᠬᠥᠭᠵᠢᠯᠳᠡ ᠶᠢᠨ ᠰᠡᠳᠬᠢᠴᠡ᠂ ᠴᠢᠭᠯᠡᠯ ᠪᠠ ᠬᠥᠴᠥᠯᠡᠬᠦ ᠴᠡᠭ ᠢ ᠳᠣᠳᠣᠳᠬᠠᠪᠠ᠃2. ︽ᠠ ᠳ᠋ᠥ᠋︾ ᠠᠯᠠᠰᠢᠨ ᠬᠤᠨᠢ᠄ ᠠᠯᠠᠱᠠ ᠳ᠋ᠥ᠋ ᠪᠥᠸᠧ ᠬᠤᠨᠢ ᠶᠢᠨ ᠲᠥᠭᠦᠮ ᠨᠡᠷᠡᠶᠢᠳᠣᠯ᠂ ᠨᠣᠳᠤᠭ ᠤᠨ ᠬᠤᠨᠢ ᠂ ᠣᠬᠤᠷ ᠰᠡᠭᠦᠯᠳᠥ ᠬᠤᠨᠢ ᠪᠠ ᠠᠥ᠋ᠰᠲᠷᠢᠶ᠎ᠠ ᠶᠢᠨ ᠴᠠᠭᠠᠨ ᠲᠣᠯᠣᠭᠠᠶᠢᠳᠣ ᠳ᠋ᠥ᠋ ᠪᠥᠸᠧ ᠬᠤᠨᠢ ᠵᠡᠷᠬᠡ ᠭᠤᠷᠪᠠᠨ ᠲᠥᠷᠥᠯ ᠤᠨ ᠬᠤᠨᠢ ᠶᠢ ᠡᠷᠯᠢᠰᠵᠢᠭᠦᠯᠥᠭᠰᠡᠨ ᠤ ᠳᠠᠷᠠᠭᠠᠬᠢ ᠰᠢᠨ᠎ᠡ ᠡᠭᠦᠯᠳᠡᠷ ᠢ ᠬᠡᠯᠡᠨ᠎ᠡ᠃3.1396᠂ 1450 ᠪᠣᠯ᠄ ᠥᠨᠳᠥᠷ ᠴᠢᠨᠠᠷᠯᠢᠭᠳᠣ ᠢᠮᠠᠭᠠᠨ ᠨᠣᠯᠣᠣᠷ ᠤᠨ ᠨᠢᠬᠡ ᠲᠥᠷᠥᠯ ᠤᠨ ᠪᠠᠷᠢᠮᠵᠢᠶ᠎ᠠ᠂13 ᠂14 ᠨᠢ ᠢᠮᠠᠭᠠᠨ ᠨᠣᠯᠣᠣᠷ ᠤᠨ ᠰᠢᠷᠬᠡᠭ ᠤᠨ ᠬᠡᠮᠵᠢᠶ᠎ᠡ ᠶᠢ ᠵᠢᠭᠠᠵᠣ᠂ ᠮᠢᠺᠷᠣᠨ ᠢᠶᠠᠷ ᠨᠢᠬᠡᠴᠢ ᠪᠣᠯᠭᠠᠳᠠᠭ᠃ 96᠂ 50 ᠨᠢ ᠢᠮᠠᠭᠠᠨ ᠨᠣᠯᠣᠣᠷ ᠤᠨ ᠣᠷᠳᠣ ᠶᠢᠨ ᠬᠡᠮᠵᠢᠶ᠎ᠡ ᠶᠢ ᠲᠥᠯᠥᠬᠡᠯᠡᠵᠣ᠂ ᠮᠢᠺᠷᠣᠨ ᠢᠶᠠᠷ ᠨᠢᠬᠡᠴᠢ ᠪᠣᠯᠭᠠᠳᠠᠭ᠃4. ᠣᠶᠢᠯᠡᠳᠪᠣᠷᠢᠯᠡᠯ᠂ ᠰᠣᠷᠣᠯᠴᠠᠭ᠎ᠠ᠂ ᠰᠣᠳᠣᠯᠭᠠᠨ᠄ ᠠᠵᠣ ᠣᠶᠢᠯᠡᠰ᠂ ᠰᠣᠷᠭᠠᠭᠤᠯᠢ᠂ ᠰᠣᠳᠣᠯᠭᠠᠨ ᠤ ᠪᠠᠶᠢᠭᠤᠯᠣᠮᠵᠢ ᠵᠡᠷᠬᠡ ᠨᠢᠬᠡᠴᠡ ᠬᠠᠷᠢᠯᠴᠠᠨ ᠬᠠᠮᠳᠣᠷᠠᠯᠴᠠᠵᠣ᠂ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠣᠨ᠂ ᠰᠣᠳᠣᠯᠭᠠᠨ᠂ ᠨᠡᠬᠡᠬᠡᠯᠳᠡ᠂ ᠣᠶᠢᠯᠡᠳᠪᠣᠷᠢᠯᠡᠯ ᠢ ᠨᠢᠬᠡ ᠴᠣᠭᠴᠡᠵᠢᠭᠤᠯᠣᠭᠰᠠᠨ ᠲᠡᠷᠢᠭᠦᠨ ᠤ ᠰᠢᠰᠲ᠋ᠧᠮ ᠢ ᠪᠥᠷᠢᠯᠳᠥᠭᠦᠯᠥᠨ᠂ ᠠᠰᠢᠭᠯᠠᠯᠳᠠ ᠶᠢᠨ ᠶᠠᠪᠣᠴᠠ ᠳᠣᠮᠳᠠ ᠪᠠᠨ ᠶᠡᠷᠥᠩᠬᠡᠶᠢᠯᠡᠰᠡᠨ ᠳᠠᠪᠠᠭᠤᠯᠢᠭ ᠢᠶᠠᠨ ᠢᠯᠡᠷᠡᠭᠦᠯᠥᠨ᠎ᠡ᠃5.ᠣᠶᠣᠨᠯᠢᠭ ᠵᠢᠭᠤᠯᠴᠢᠯᠠᠯᠳᠣ ᠠᠯᠠᠱᠠ ᠵᠡᠭᠦᠨ ᠬᠤᠰᠢᠭᠤ᠄ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠨᠡᠷᠡᠳᠣ ᠳᠡᠮᠳᠡᠭ ᠢ ᠥᠷᠬᠡᠳᠬᠡᠨ ᠳᠦᠬᠡᠮᠡᠯᠵᠢᠬᠦᠯᠬᠦ᠂ ᠰᠣᠯᠢᠯᠴᠡᠨ ᠨᠡᠪᠳᠡᠷᠡᠯᠴᠡᠭᠰᠡᠨ ᠪᠠ ᠵᠢᠭᠤᠯᠴᠢᠯᠠᠯ ᠤᠨ ᠣᠶᠢᠯᠡᠴᠢᠯᠡᠭᠡ ᠶᠢ ᠨᠢᠬᠡ ᠴᠣᠭᠴᠠᠵᠢᠭᠤᠯᠣᠭᠰᠠᠨ ᠰᠢᠯᠵᠢᠮᠡᠯ ᠲᠣᠣᠷ ᠰᠥᠯᠵᠢᠶᠡᠨ ᠤ  ᠸᠢᠴᠡᠲ ᠶᠢᠨ ᠣᠯᠠᠨ ᠨᠡᠶᠢᠳᠡ  ᠶᠢᠨ ᠲᠠᠪᠴᠠᠩ ᠢ ᠬᠡᠯᠡᠨ᠎ᠡ᠃6. ᠪᠥᠬᠦ ᠬᠥᠷᠢᠶ᠎ᠡ ᠴᠠᠷ᠎ᠠ ᠶᠢᠨ ᠵᠢᠭᠤᠯᠴᠢᠯᠠᠯ᠄ ᠲᠣᠭᠳᠠᠭᠰᠠᠨ ᠣᠷᠣᠨ ᠪᠥᠰᠡ ᠲᠣᠳᠣᠷ᠎ᠠ᠂ ᠵᠢᠭᠤᠯᠴᠢᠯᠠᠯ ᠢᠶᠠᠷ ᠳᠠᠪᠠᠭᠤᠯᠢᠭ ᠠᠵᠣ ᠣᠶᠢᠯᠡᠰ ᠢᠶᠠᠨ ᠪᠣᠯᠭᠠᠵᠣ᠂ ᠣᠷᠣᠨ ᠪᠥᠰᠡ ᠶᠢᠨ ᠳᠣᠳᠣᠷᠠᠬᠢ ᠠᠵᠣ ᠠᠬᠤᠢ ᠨᠡᠶᠢᠬᠡᠮ ᠤᠨ ᠡᠬᠢ ᠰᠣᠷᠪᠣᠯᠵᠢ᠂ ᠢᠯᠠᠩᠭᠤᠶ᠎ᠡ ᠵᠢᠭᠤᠯᠴᠢᠯᠠᠯ ᠤᠨ ᠡᠬᠢ ᠰᠣᠷᠪᠣᠯᠵᠢ᠂ ᠬᠠᠮᠢᠶ᠎ᠠ ᠪᠥᠭᠦᠢ ᠠᠵᠣ ᠣᠶᠢᠯᠡᠰ  ᠂ ᠠᠮᠢ ᠠᠬᠤᠢ ᠣᠷᠴᠢᠨ ᠲᠣᠭᠤᠷᠢᠠ᠂ ᠨᠡᠶᠢᠳᠡ ᠶᠢᠨ ᠣᠶᠢᠯᠡᠴᠢᠯᠡᠭᠡ᠂ ᠪᠥᠳᠥᠴᠡ ᠲᠣᠭᠳᠠᠯᠴᠠᠭ᠎ᠠ᠂ ᠲᠥᠷᠥ ᠶᠢᠨ ᠪᠣᠳᠣᠯᠭ᠎ᠠ ᠬᠠᠣᠯᠢ ᠲᠣᠭᠳᠠᠭᠠᠯ᠂ ᠪᠣᠯᠪᠠᠰᠣᠨ ᠬᠡᠪ ᠰᠣᠷᠳᠠᠯ ᠵᠡᠷᠬᠡ ᠲᠠᠯ᠎ᠠ ᠳᠤ ᠪᠥᠬᠦ ᠲᠠᠯ ᠶᠢ᠂ ᠰᠢᠰᠲ᠋ᠧᠮᠳᠣ ᠪᠠᠷ ᠰᠢᠯᠢᠳᠡᠭᠵᠢᠭᠦᠯᠥᠨ ᠳᠡᠬᠡᠭᠰᠢᠯᠡᠭᠦᠯᠥᠨ᠎ᠡ᠃7. ︽ᠵᠢᠷᠭᠤᠭᠠᠨ ᠬᠤᠳᠠ ᠶᠢ ᠬᠠᠮᠳᠣᠪᠠᠷ ᠴᠣᠭᠴᠠᠯᠠᠬᠤ︾᠄ ᠣᠯᠣᠰ ᠤᠨ ᠪᠣᠯᠪᠠᠰᠣᠨ ᠬᠤᠳᠠ᠂ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ᠂ ᠣᠯᠣᠰ ᠤᠨ ᠴᠡᠴᠡᠷᠯᠢᠭᠳᠦ ᠰᠢᠶᠠᠨ ᠬᠤᠳᠠ᠂ ᠣᠯᠣᠰ ᠤᠨ ᠬᠤᠶᠠᠷ ᠢ ᠬᠥᠷᠢᠶᠡᠯᠡᠬᠦ ᠵᠢᠱᠢᠶ᠎ᠡ ᠥᠵᠡᠭᠦᠯᠬᠦ ᠬᠤᠳᠠ᠂ ᠣᠯᠣᠰ ᠤᠨ ᠪᠥᠬᠦ ᠬᠥᠷᠢᠶ᠎ᠡ ᠴᠠᠷ᠎ᠠ ᠶᠢᠨ ᠵᠢᠭᠤᠯᠴᠢᠯᠠᠯ ᠤᠨ ᠵᠢᠱᠢᠶ᠎ᠡ ᠥᠵᠡᠭᠦᠯᠬᠦ ᠣᠷᠣᠨ ᠪᠠ  ᠥᠪᠡᠷᠳᠡᠬᠡᠨ ᠵᠠᠰᠠᠬᠤ ᠣᠷᠣᠨ ᠤ ᠥᠨᠳᠥᠰᠥᠳᠡᠨ ᠤ ᠪᠥᠯᠬᠦᠮᠳᠡᠯ ᠤᠨ ᠳᠠᠪᠰᠢᠯᠳᠠᠳᠣ ᠵᠢᠱᠢᠶ᠎ᠡ ᠥᠵᠡᠭᠦᠯᠬᠦ ᠬᠤᠰᠢᠭᠤ ᠪᠠᠶᠢᠭᠤᠯᠬᠤ ᠶᠢ ᠬᠡᠯᠡᠨ᠎ᠡ᠃8. ︽1+9︾ ᠬᠤᠳᠠ ᠶᠢᠨ ᠬᠠᠮᠢᠶᠠᠷᠥᠯᠳᠠ ᠶᠢᠨ ᠬᠠᠣᠯᠢ ᠬᠡᠷᠡᠭᠵᠢᠭᠦᠯᠥᠯᠳᠡ ᠶᠢᠨ ᠬᠡᠯᠪᠡᠷᠢ᠄ ᠠᠯᠠᠱᠠ ᠵᠡᠭᠦᠨ ᠬᠤᠰᠢᠭᠤᠨ ᠤ ᠬᠤᠳᠠ ᠶᠢᠨ ᠬᠠᠮᠢᠶᠠᠷᠥᠯᠳᠠ ᠶᠢᠨ ᠲᠣᠪᠴᠢᠶᠡᠨ ᠤ ᠰᠠᠭᠤᠷᠢᠨ ᠳᠡᠬᠡᠷ᠎ᠡ᠂ ᠣᠷᠣᠨ ᠰᠠᠭᠤᠴᠠ᠂ ᠣᠷᠴᠢᠨ ᠲᠣᠭᠤᠷᠢᠨ ᠤ ᠬᠠᠮᠠᠭᠠᠯᠠᠯᠳᠠ᠂ ᠣᠰᠣᠨ ᠤ ᠶᠠᠪᠣᠳᠠᠯ᠂ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠬᠡᠭᠦᠷ  ᠤᠨ ᠬᠢᠨᠠᠨ ᠬᠠᠮᠢᠶᠠᠷᠥᠯᠳᠠ᠂ ᠡᠷᠡᠭᠦᠯ ᠬᠠᠮᠠᠭᠠᠯᠠᠯ᠂ ᠢᠳᠡᠬᠡᠨ ᠤ ᠵᠣᠶᠢᠯ ᠡᠮ ᠤᠨ ᠵᠣᠶᠢᠯᠡᠰ ᠤᠨ ᠬᠢᠨᠠᠨ ᠬᠠᠮᠢᠶᠠᠷᠥᠯᠳᠠ ᠂ ᠥᠨᠳᠥᠰᠥᠳᠡᠨ ᠤ ᠬᠡᠷᠡᠭ ᠡᠷᠬᠢᠯᠡᠬᠦ᠂ ᠠᠷᠠᠳ ᠤᠨ ᠶᠠᠪᠣᠳᠠᠯ ᠵᠡᠷᠬᠡ ᠶᠢᠰᠥᠨ ᠬᠥᠷᠢᠶ᠎ᠡ ᠬᠡᠪᠴᠢᠶ᠎ᠡ ᠳᠠᠬᠢ ᠵᠠᠰᠠᠭ ᠪᠠᠷᠢᠨ ᠬᠠᠣᠯᠢ ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠡᠭᠦᠷᠬᠡ ᠲᠣᠰᠢᠶᠠᠯ ᠢ ᠬᠠᠮᠳᠣᠳᠬᠠᠵᠣ᠂ ︽1+9︾ ᠬᠤᠳᠠ  ᠶᠢᠨ ᠶᠡᠷᠥᠩᠬᠡᠶᠢᠯᠡᠭᠰᠡᠨ ᠬᠠᠮᠢᠶᠠᠷᠥᠯᠳᠠ ᠶᠢᠨ ᠬᠠᠣᠯᠢ ᠬᠡᠷᠡᠭᠵᠢᠭᠦᠯᠬᠦ ᠲᠣᠭᠳᠠᠯᠴᠠᠭ᠎ᠠ ᠶᠢ ᠪᠣᠢ ᠪᠣᠯᠭᠠᠨ᠎ᠠ᠃9. ᠶᠠᠳᠠᠭᠤ ᠠᠴᠠ ᠠᠩᠬᠢᠵᠢᠷᠠᠭᠤᠯᠬᠤ ᠳᠠᠭᠠᠳᠬᠠᠯ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠠᠴᠠ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠠᠳᠣᠲᠠᠢ ᠪᠠᠷ ᠲᠥᠯᠬᠢᠨ ᠠᠬᠢᠭᠤᠯᠬᠤ᠂ ᠳᠠᠭᠠᠳᠬᠠᠯ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠶᠢ ᠰᠢᠪᠳᠥᠯᠬᠤ ᠲᠠᠯ᠎ᠠ ᠶᠢ ᠳᠡᠮᠵᠢᠬᠦ ᠢᠳᠡᠪᠬᠢᠲᠠᠢ ᠣᠶᠢᠯᠡᠳᠥᠯ ᠢ ᠪᠠᠳᠠᠷᠠᠭᠤᠯᠬᠤ ᠪᠠᠷ ᠶᠠᠳᠠᠭᠤ ᠬᠥᠴᠢᠷᠳᠡᠯᠲᠠᠢ ᠬᠥᠮᠥᠰ ᠲᠤ ᠠᠪᠴᠣ ᠥᠭᠭᠦᠭᠰᠡᠨ ᠬᠤᠳᠠᠯᠳᠣᠭᠠᠨ ᠤ ᠳᠠᠭᠠᠳᠬᠠᠯ ᠢ ᠬᠡᠯᠡᠨ᠎ᠡ᠃ ᠳᠠᠭᠠᠳᠬᠠᠯ ᠤᠨ ᠲᠥᠷᠥᠯ ᠵᠣᠶᠢᠯ ᠳᠤ ᠡᠮᠴᠢᠯᠡᠬᠡᠨ ᠤ ᠳᠠᠭᠠᠳᠬᠠᠯ ᠢ ᠨᠥᠬᠦᠪᠥᠷᠢᠯᠡᠬᠦ᠂ ᠬᠥᠨᠳᠥ ᠶᠡᠭᠡ ᠡᠪᠡᠳᠴᠢᠨ ᠲᠠᠬᠤᠯ ᠤᠨ ᠠᠩᠬᠠᠨ ᠤ ᠣᠨᠣᠰᠢᠯᠠᠯᠳᠠ ᠶᠢᠨ ᠳᠠᠭᠠᠳᠬᠠᠯ᠂ ᠬᠡᠨᠡᠳᠡᠯ  ᠢᠶᠠᠷ ᠨᠠᠰᠣ ᠨᠥᠭᠴᠢᠬᠦ ᠪᠠ ᠰᠢᠷᠬᠠᠳᠣᠨ ᠵᠡᠮᠳᠡᠭ ᠪᠣᠯᠬᠤ ᠳᠤ ᠨᠥᠬᠦᠪᠥᠷᠢᠯᠡᠬᠦ ᠭᠤᠷᠪᠠᠨ ᠳᠠᠭᠠᠳᠬᠠᠯ ᠪᠠᠭᠳᠠᠨ᠎ᠠ᠃10. ᠠᠮᠢ ᠠᠬᠤᠢ ᠣᠷᠴᠢᠨ ᠲᠣᠭᠤᠷᠢᠨ ᠤ ︽1+7︾ ᠬᠡᠯᠪᠡᠷᠢ ᠶᠢᠨ ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠥᠯᠳᠡ ᠄ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠡ᠂ ᠣᠰᠣᠨ ᠶᠠᠪᠣᠳᠠᠯ ᠤᠨ ᠲᠣᠪᠴᠢᠶ᠎ᠡ᠂ ᠣᠯᠣᠰ ᠤᠨ ᠭᠠᠵᠠᠷ ᠰᠢᠷᠥᠢ ᠶᠢᠨ ᠲᠣᠪᠴᠢᠶ᠎ᠡ᠂ ᠣᠢ ᠶᠢᠨ ᠶᠠᠪᠣᠳᠠᠯ ᠤᠨ ᠲᠣᠪᠴᠢᠶ᠎ᠡ᠂ ᠠᠷᠠᠳ ᠤᠨ ᠶᠠᠪᠣᠳᠠᠯ ᠤᠨ ᠲᠣᠪᠴᠢᠶ᠎ᠡ᠂ ᠥᠨᠳᠥᠰᠥᠳᠡᠨ ᠤ ᠬᠡᠷᠡᠭ ᠡᠷᠬᠢᠯᠡᠬᠦ ᠲᠣᠪᠴᠢᠶ᠎ᠡ᠂ ᠰᠣᠶᠣᠯ ᠵᠢᠭᠤᠯᠴᠢᠯᠠᠯ ᠤᠨ ᠲᠣᠪᠴᠢᠶ᠎ᠡ ᠶᠢᠨ ᠬᠡᠰᠡᠭ ᠵᠠᠰᠠᠭ ᠪᠠᠷᠢᠨ ᠬᠠᠣᠯᠢ ᠬᠡᠷᠡᠭᠵᠢᠭᠦᠯᠬᠦ ᠴᠢᠳᠠᠮᠵᠢ ᠶᠢ ᠨᠢᠬᠡᠳᠬᠡᠬᠦ ᠶᠢ ᠵᠢᠭᠠᠨ᠎ᠠ᠃ ᠠᠯᠠᠱᠠ ᠵᠡᠭᠦᠨ ᠬᠤᠰᠢᠭᠤᠨ ᠤ  ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠥᠯᠳᠠ ᠶᠢᠨ ᠶᠡᠷᠥᠩᠬᠡᠶᠢᠯᠡᠭᠰᠡᠨ ᠵᠠᠰᠠᠭ ᠪᠠᠷᠢᠨ ᠬᠠᠣᠯᠢ ᠬᠡᠷᠡᠭᠵᠢᠭᠦᠯᠥᠯᠳᠡ ᠶᠢᠨ ᠲᠣᠪᠴᠢᠶ᠎ᠡ ᠶᠢ ᠪᠠᠶᠢᠭᠤᠯᠵᠣ᠂ ︽1+7︾ ᠬᠡᠯᠪᠡᠷᠢ ᠶᠢᠨ ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠥᠯᠳᠡ   ᠶᠢᠨ ᠲᠣᠭᠳᠠᠯᠴᠠᠭ᠎ᠠ ᠶᠢ ᠪᠦᠷᠢᠯᠳᠦᠬᠦᠯᠪᠡ᠃11. ᠭᠤᠣᠯ ᠤᠨ ᠲᠠᠷᠤᠭ᠎ᠠ ᠶᠢᠨ ᠲᠥᠷᠢᠮ᠂ ᠨᠠᠭᠤᠷ ᠤᠨ ᠳᠠᠷᠤᠭ᠎ᠠ ᠶᠢᠨ ᠲᠥᠷᠢᠮ  ᠄  ᠡᠯ᠎ᠡ ᠱᠠᠳᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠳᠠᠨ ︽ᠭᠤᠣᠯ ᠤᠨ ᠲᠠᠷᠤᠭ᠎ᠠ  ︾᠂ ︽ᠨᠠᠭᠤᠷ ᠤᠨ ᠳᠠᠷᠤᠭ᠎ᠠ  ︾   ᠶᠢᠨ ᠲᠣᠰᠢᠶᠠᠯ ᠢ ᠡᠭᠦᠷᠬᠡᠯᠡᠵᠥ᠂ ᠬᠠᠮᠢᠶ᠎ᠠ ᠪᠥᠬᠦᠢ ᠭᠤᠣᠯ ᠨᠠᠭᠤᠷ ᠤᠨ ᠬᠠᠮᠢᠶᠠᠷᠥᠯᠳᠠ ᠪᠠ ᠬᠠᠮᠠᠭᠠᠯᠠᠯᠳᠠ ᠶᠢᠨ ᠠᠵᠢᠯ ᠢ ᠵᠣᠬᠢᠶᠠᠨ ᠪᠠᠶᠢᠭᠤᠯᠣᠨ ᠣᠳᠣᠷᠢᠳᠬᠤ ᠶᠢ ᠬᠠᠷᠢᠭᠤᠴᠠᠨ᠎ᠠ᠃12. ᠬᠤᠳᠠ ᠬᠥᠳᠡᠬᠡᠨ ᠤ ᠰᠠᠭᠤᠭᠠᠯᠢ ᠠᠷᠠᠳ ᠤᠨ ᠡᠮᠴᠢᠯᠡᠬᠡᠨ ᠤ ᠳᠠᠭᠠᠳᠬᠠᠯ ᠤᠨ ︽ᠵᠢᠷᠭᠤᠭᠠᠨ ᠨᠢᠬᠡᠳᠥᠯ︾᠄ ᠣᠯᠣᠰ ᠤᠨ ᠶᠠᠪᠣᠳᠠᠯ ᠤᠨ ᠬᠤᠷᠢᠶ᠎ᠠ ᠠᠴᠠ ᠳᠠᠷᠣᠮᠯᠠᠨ ᠲᠠᠷᠬᠠᠭᠠᠭᠰᠠᠨ ︽ᠬᠤᠳᠠ ᠬᠥᠳᠡᠬᠡᠨ ᠤ ᠰᠠᠭᠤᠭᠠᠯᠢ ᠠᠷᠠᠳ  ᠤᠨ ᠥᠨᠳᠥᠰᠥᠨ ᠡᠮᠴᠢᠯᠡᠬᠡᠨ ᠤ ᠳᠠᠭᠠᠳᠬᠠᠯ ᠤᠨ ᠲᠥᠷᠢᠮ ᠢ ᠨᠢᠬᠡᠳᠬᠡᠬᠦ ᠲᠣᠬᠠᠢ ᠰᠠᠨᠠᠯ︾   ᠠᠴᠠ᠂ ᠬᠤᠳᠠ ᠬᠥᠳᠡᠬᠡᠨ ᠤ ᠰᠠᠭᠤᠭᠠᠯᠢ ᠠᠷᠠᠳ ᠤᠨ ᠥᠨᠳᠥᠰᠥᠨ ᠡᠮᠴᠢᠯᠡᠬᠡᠨ ᠤ ᠳᠠᠭᠠᠳᠬᠠᠯ ᠤᠨ ᠲᠥᠷᠢᠮ ᠢ ᠨᠢᠬᠡᠳᠬᠡᠬᠦ ᠲᠥᠷᠥ  ᠶᠢᠨ ᠪᠣᠳᠣᠯᠭ᠎ᠠ ᠳᠤ ︽ᠵᠢᠷᠭᠤᠭᠠᠨ ᠨᠢᠬᠡᠳᠥᠯ︾ ᠤᠨ ᠱᠠᠭᠠᠷᠳᠠᠯᠭ᠎ᠠ ᠶᠢ ᠳᠣᠳᠣᠷᠬᠠᠢ ᠳᠣᠷᠠᠳᠣᠪᠠ᠄ ᠨᠢᠬᠡ ᠳᠤ ᠪᠥᠷᠭᠦᠴᠡ ᠶᠢᠨ ᠬᠡᠪᠴᠢᠶ᠎ᠡ ᠶᠢ ᠨᠢᠬᠡᠳᠬᠡᠵᠣ᠂ ᠬᠤᠶᠠᠷ ᠲᠤ ᠪᠡᠯᠡ ᠬᠤᠷᠠᠮᠳᠣᠭᠤᠯᠬᠤ ᠲᠥᠷᠥ ᠶᠢᠨ ᠪᠣᠳᠣᠯᠭ᠎ᠠ ᠶᠢ ᠨᠢᠬᠡᠳᠬᠡᠵᠣ᠂ ᠭᠤᠷᠪᠠ ᠳᠤ ᠪᠠᠳᠣᠯᠠᠭᠠᠨ ᠤ ᠬᠠᠷᠠᠮᠵᠢ ᠶᠢ ᠨᠢᠬᠡᠳᠬᠡᠵᠣ᠂ ᠲᠥᠷᠪᠡ ᠳᠤ ᠡᠮᠴᠢᠯᠡᠬᠡᠨ ᠤ ᠳᠠᠭᠠᠳᠬᠠᠯ  ᠤᠨ ᠲᠥᠷᠥᠯ ᠵᠣᠶᠢᠯ ᠢ ᠨᠢᠬᠡᠳᠬᠡᠵᠣ᠂ ᠲᠠᠪᠤ ᠳᠤ ᠲᠣᠭᠳᠠᠮᠠᠯ ᠭᠠᠵᠠᠷ ᠤᠨ ᠬᠠᠮᠢᠶᠠᠷᠥᠯᠳᠠ ᠶᠢ ᠨᠢᠬᠡᠳᠬᠡᠵᠣ᠂ ᠵᠢᠷᠭᠤᠭ᠎ᠠ ᠳᠤ ᠰᠠᠭᠤᠷᠢ ᠮᠥᠩᠬᠦ ᠶᠢᠨ ᠬᠠᠮᠢᠶᠠᠷᠥᠯᠳᠠ ᠶᠢ ᠨᠢᠬᠡᠳᠬᠡᠪᠡ᠃13. ︽ᠢᠯᠡ ᠴᠡᠪᠡᠷ ᠲᠣᠭᠤᠭᠠᠨ ᠬᠡᠷ︾᠄ ᠵᠣᠴᠢᠳ ᠢᠳᠡᠬᠡᠨ ᠣᠮᠳᠠᠭᠠᠨ ᠤ ᠠᠵᠣ ᠣᠶᠢᠯᠡᠰ ᠳᠠᠬᠢ ᠲᠣᠭᠤᠭᠠᠨ ᠬᠡᠷ ᠤᠨ ᠠᠵᠢᠯᠯᠠᠭ᠎ᠠ ᠲᠥᠷᠢᠮᠵᠢᠭᠰᠡᠨ ᠡᠰᠡᠬᠦ᠂ ᠠᠷᠢᠭᠤᠨ ᠴᠡᠪᠡᠷ ᠬᠢᠷᠢ ᠲᠡᠩᠴᠡᠭᠰᠡᠨ ᠡᠰᠡᠬᠦ᠂ ᠵᠣᠬᠢᠮᠵᠢ ᠥᠬᠡᠢ ᠪᠣᠳᠠᠰ ᠪᠠᠶᠢᠬᠤ ᠡᠰᠡᠬᠦ ᠶᠢ ᠰᠢᠭᠤᠳ ᠣᠯᠵᠣ ᠬᠠᠷᠠᠬᠤ ᠶᠢ ᠬᠡᠯᠡᠨ᠎ᠡ᠃ ᠢᠯᠡ ᠴᠡᠪᠡᠷ ᠲᠣᠭᠤᠭᠠᠨ ᠬᠡᠷ ᠪᠣᠯ ᠢᠳᠡᠬᠡᠨ ᠣᠮᠳᠠᠭᠠᠨ ᠤ ᠠᠵᠣ ᠣᠶᠢᠯᠡᠰ ᠤᠨ ᠠᠵᠢᠯᠳᠠᠳ ᠲᠤ ᠬᠡᠷᠡᠭᠵᠢᠭᠦᠯᠥᠭᠰᠡᠨ ᠬᠢᠨᠠᠨ ᠬᠠᠮᠢᠶᠠᠷᠥᠯᠳᠠ ᠪᠣᠯᠣᠨ᠎ᠠ᠃14. ᠴᠡᠷᠢᠭ ᠠᠷᠠᠳ ᠣᠶᠠᠯᠳᠣᠨ ᠬᠥᠭᠵᠢᠬᠦ ᠪᠠᠶᠢᠯᠳᠣᠬᠤ ᠪᠣᠳᠣᠯᠭ᠎ᠠ᠄ ᠰᠢ ᠶᠢᠨ ᠫᠢᠩ ᠶᠡᠷᠥᠩᠬᠡᠢ ᠱᠥᠵᠢ ᠠᠷᠪᠠᠨ ᠬᠤᠶᠠᠳᠣᠭᠠᠷ ᠬᠤᠭᠤᠴᠠᠭᠠᠨ ᠤ ᠪᠥᠬᠦ ᠣᠯᠣᠰ ᠤᠨ ᠠᠷᠠᠳ ᠤᠨ ᠲᠥᠯᠥᠬᠡᠯᠡᠭᠴᠢᠳ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠤ ᠠᠷᠠᠳ ᠤᠨ ᠴᠢᠯᠥᠬᠡᠯᠡᠬᠦ ᠴᠡᠷᠢᠭ ᠤᠨ ᠲᠥᠯᠥᠬᠡᠯᠡᠭᠴᠢᠳ ᠤᠨ ᠪᠥᠯᠬᠦᠮ ᠤᠨ ᠪᠦᠬᠦ ᠬᠡᠰᠢᠬᠦᠳ ᠤᠨ ᠬᠤᠷᠠᠯ ᠳᠤ ᠣᠷᠣᠯᠴᠠᠬᠤ ᠳᠤ ᠪᠠᠨ ᠳᠣᠷᠠᠳᠣᠭᠰᠠᠨ ᠨᠢ᠂ ᠴᠡᠷᠢᠭ ᠠᠷᠠᠳ ᠣᠶᠠᠯᠳᠣᠨ ᠬᠥᠭᠵᠢᠬᠦ ᠪᠠᠶᠢᠯᠳᠣᠬᠤ ᠪᠣᠳᠣᠯᠭ᠎ᠠ ᠶᠢ ᠬᠥᠨᠵᠡᠬᠡᠢ ᠬᠡᠷᠡᠭᠵᠢᠭᠦᠯᠵᠥ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠳᠠᠯᠠᠨ᠂ ᠪᠣᠳᠣᠯ ᠰᠡᠳᠬᠢᠴᠡ ᠠᠷᠭ᠎ᠠ ᠪᠠᠷᠢᠯ ᠢ ᠠᠪᠴᠤ᠂ ᠣᠷᠬᠢᠯᠥᠮ᠎ᠡ ᠬᠠᠯᠠᠭᠤᠨ ᠡᠭᠦᠷᠬᠡ ᠬᠠᠷᠢᠭᠤᠴᠠᠯᠭᠠᠳᠣ ᠣᠪᠣᠷ ᠢᠶᠠᠷ ᠠᠰᠠᠭᠤᠳᠠᠯ ᠢ ᠰᠢᠢᠳᠪᠣᠷᠢᠯᠡᠬᠦ ᠶᠢ ᠠᠬᠢᠭᠤᠯᠣᠨ᠂ ᠠᠵᠣ ᠠᠬᠤᠢ ᠶᠢᠨ ᠪᠥᠳᠥᠬᠡᠨ ᠪᠠᠶᠢᠭᠤᠯᠣᠯᠳᠠ ᠪᠠ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠠᠶᠢᠭᠤᠯᠣᠯᠳᠠ ᠶᠢᠨ ᠬᠠᠷᠢᠴᠠᠭ᠎ᠠ ᠶᠢ ᠵᠥᠪ ᠪᠠᠷ ᠡᠵᠡᠮᠳᠡᠨ ᠰᠢᠢᠳᠪᠣᠷᠢᠯᠡᠵᠥ᠂ ᠬᠤᠶᠠᠭᠤᠯᠠ ᠶᠢ  ᠨᠢ ᠵᠣᠬᠢᠴᠠᠩᠭᠤᠢ᠂ ᠲᠡᠩᠴᠡᠭᠦᠷᠢᠲᠠᠢ᠂ ᠪᠠᠭᠳᠠᠭᠠᠮᠵᠢᠲᠠᠢ ᠬᠥᠭᠵᠢᠭᠦᠯᠥᠨ᠎ᠡ᠃15. ︽ᠲᠠᠯᠪᠢᠬᠤ᠂ ᠬᠠᠮᠢᠶᠠᠷᠬᠤ᠂ ᠣᠶᠢᠯᠡᠴᠢᠯᠡᠬᠦ︾᠄ ︽ᠲᠠᠯᠪᠢᠬᠤ︾ ᠬᠡᠳᠡᠭ ᠨᠢ ᠵᠠᠰᠠᠭ ᠢᠶᠠᠨ ᠴᠣᠮᠬᠠᠳᠬᠠᠵᠣ ᠡᠷᠬᠡ ᠪᠠᠨ ᠲᠠᠯᠪᠢᠨ᠂ ᠪᠠᠷᠢᠮᠵᠢᠶ᠎ᠠ ᠪᠠᠨ ᠲᠣᠷᠣᠭᠰᠢᠯᠠᠭᠤᠯᠣᠨ᠎ᠠ᠃ ︽ᠬᠠᠮᠢᠶᠠᠷᠬᠤ︾ ᠬᠡᠳᠡᠭ ᠨᠢ ᠲᠥᠪ ᠭᠤᠣᠯᠴᠢ  ᠪᠠᠷ ᠬᠢᠨᠠᠨ ᠬᠠᠮᠢᠶᠠᠷᠴᠥ᠂ ᠡᠷᠬᠡ ᠲᠡᠭᠰᠢ ᠥᠷᠢᠰᠥᠯᠳᠥᠬᠡᠨ ᠢ ᠠᠬᠢᠭᠤᠯᠣᠨ᠎ᠠ᠃ ︽ᠣᠶᠢᠯᠡᠴᠢᠯᠡᠬᠦ︾ ᠬᠡᠳᠡᠭ ᠨᠢ ᠥᠨᠳᠥᠷ ᠪᠥᠳᠥᠮᠵᠢᠲᠠᠢ ᠪᠠᠷ ᠣᠶᠢᠯᠡᠴᠢᠯᠡᠨ᠂ ᠲᠥᠭᠦᠮ ᠲᠥᠳᠡ ᠣᠷᠴᠢᠨ ᠢ ᠪᠣᠢ ᠪᠣᠯᠭᠠᠨ᠎ᠠ᠃ 16. ︽ᠥᠩᠬᠡᠷᠡᠬᠦ ᠭᠠᠯᠠᠭᠤᠨ ᠠᠴᠠ ᠥᠳᠥ ᠰᠣᠭᠤᠯᠬᠤ︾ ᠬᠡᠯᠪᠡᠷᠢ ᠶᠢᠨ ᠢᠯᠵᠡᠷᠡᠯ᠄ ᠪᠠᠭ᠎ᠠ ᠲᠣᠭᠠᠨ ᠤ ᠥᠨᠳᠥᠰᠥᠨ ᠱᠠᠳᠣᠨ ᠤ ᠺᠠᠳ᠋ᠷᠴᠣᠳ ᠪᠡᠯᠡ ᠮᠥᠩᠬᠦ ᠶᠢ ᠬᠤᠪᠢᠶᠠᠷᠢᠯᠠᠬᠤ᠂ ᠬᠢᠨᠠᠨ ᠴᠣᠬᠤᠪᠣᠷᠢᠯᠠᠬᠤ ᠬᠢᠨᠠᠨ ᠰᠢᠯᠭᠠᠬᠤ ᠲᠠᠯ᠎ᠠ ᠵᠢᠴᠢ ᠥᠨᠳᠥᠰᠥᠨ ᠱᠠᠳᠣᠨ ᠤ ᠬᠡᠷᠡᠭ ᠶᠠᠪᠣᠳᠠᠯ ᠤᠨ ᠬᠠᠮᠢᠶᠠᠷᠥᠯᠳᠠ ᠶᠢᠨ ᠶᠠᠪᠣᠴᠠ ᠳᠣᠮᠳᠠ᠂ ᠲᠣᠷ᠎ᠠ ᠪᠠᠷ ᠡᠷᠬᠡ ᠪᠠᠨ ᠬᠡᠷᠡᠭᠯᠡᠵᠥ ᠠᠷᠠᠳ ᠤᠨ ᠥᠨᠳᠥᠰᠥᠨ ᠠᠰᠢᠭ ᠲᠣᠰᠠ ᠶᠢ ᠬᠤᠬᠢᠷᠠᠭᠤᠯᠣᠭᠰᠠᠨ ᠢᠯᠵᠢᠷᠠᠮᠡᠯ ᠤᠨ ᠠᠵᠢᠯᠯᠠᠭ᠎ᠠ ᠶᠢ ᠬᠡᠯᠡᠨ᠎ᠡ᠃17. ᠬᠠᠩᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷ ᠤᠨ ᠦᠭᠡᠷᠡᠴᠢᠯᠡᠯᠳᠡ᠄ ᠬᠠᠩᠭᠠᠯᠭ᠎ᠠ ᠶᠢᠨ ᠴᠢᠨᠠᠷ ᠢ ᠳᠡᠭᠡᠭᠰᠢᠯᠡᠬᠦᠯᠬᠦ ᠠᠴᠠ ᠡᠬᠢᠯᠡᠬᠦᠯᠵᠤ᠂ ᠦᠬᠡᠷᠡᠴᠢᠯᠡᠯᠳᠡ ᠶᠢᠨ ᠠᠷᠭ᠎ᠠ ᠶᠢ ᠭᠡᠷᠡᠭᠯᠡᠨ ᠪᠦᠳᠦᠴᠠ ᠶᠢᠨ ᠳᠣᠬᠢᠷᠠᠭᠤᠯᠤᠯᠳᠠ  ᠶᠢ ᠠᠬᠢᠭᠤᠯᠵᠤ᠂ ᠡᠯᠧᠮᠧᠨ᠋ᠲ ᠶᠢ ᠵᠠᠯᠠᠷᠠᠭᠤᠯᠵᠤ᠂ ᠦᠷ᠎ᠡ ᠪᠦᠳᠦᠮᠵᠢᠳᠣ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ  ᠶᠢᠨ ᠪᠦᠳᠦᠴᠠ ᠨᠢ ᠭᠡᠷᠡᠭᠴᠡᠭᠡᠨ ᠤ ᠬᠤᠪᠢᠷᠠᠯᠳᠠ ᠶᠢᠨ ᠵᠤᠬᠢᠴᠠᠬᠤ ᠰᠢᠨᠵᠢ ᠪᠠ ᠠᠮᠢᠳᠣᠯᠢᠭ ᠰᠢᠨᠵᠢ ᠶᠢ ᠳᠡᠭᠡᠭᠰᠢᠯᠡᠬᠦᠯᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠬᠦᠯᠵᠤ᠂ ᠦᠷᠭᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠬᠠᠩᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷ ᠤᠨ ᠦᠭᠡᠷᠡᠴᠢᠯᠡᠯᠳᠡ ᠶᠢᠨ ᠦᠨᠳᠦᠰᠣᠨ ᠬᠠᠷᠠᠯᠳᠠ ᠨᠢ ᠨᠡᠶᠢᠭᠡᠮ ᠤᠨ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠬᠦᠯᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ ᠦᠵᠡᠯ ᠰᠠᠨᠠᠭ᠎ᠠ ᠶᠢ ᠨᠠᠶᠢᠳᠠᠪᠦᠷᠢᠵᠢᠭᠤᠯᠤᠨ᠎ᠠ᠃18. ︽ ᠳᠠᠪᠤ ᠶᠢ ᠨᠢᠭᠡ ᠴᠣᠭᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠣᠯᠣᠰ ᠲᠦᠷᠤ ᠶᠢᠨ ᠪᠠᠶᠢᠭᠤᠯᠤᠯᠳᠠ᠂ ᠰᠣᠶᠣᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠪᠤᠯᠤᠨ᠎ᠠ᠃19. ︽ᠳᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠤᠯᠳᠠ᠄ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ᠂ ᠦᠭᠡᠷᠡᠴᠢᠯᠠᠯᠳᠠ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ᠂ ᠪᠦᠬᠦ ᠳᠠᠯ᠎ᠠ  ᠪᠠᠷ ᠬᠠᠤᠯᠢ ᠶᠤᠰᠣᠭᠠᠷ ᠣᠯᠣᠰ ᠢᠶᠠᠨ ᠵᠠᠰᠠᠬᠤ᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠨ᠎ᠠ᠃20. ︽ᠭᠤᠷᠪᠠᠨ ᠬᠤᠷᠢᠭ᠎ᠠ ᠱᠣᠭᠤᠮ︾᠄ ᠳᠣᠮᠳᠠᠳᠣ ᠣᠯᠣᠰ ᠤᠨ ᠡᠪ ᠬᠠᠮᠳᠣ ᠨᠠᠮ ᠤᠨ ᠥᠪᠣᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠲᠥᠯᠥᠬᠡᠯᠡᠭᠴᠢᠳ ᠤᠨ ᠶᠡᠭᠡ ᠬᠤᠷᠠᠯ ᠳᠡᠬᠡᠷ᠎ᠡ᠂ ᠥᠪᠣᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠤᠷᠪᠠᠨ ᠬᠤᠷᠢᠭ᠎ᠠ ᠱᠣᠭᠤᠮ ᠢ ᠡᠷᠡᠰ ᠰᠠᠬᠢᠬᠤ ᠶᠢ ᠳᠣᠷᠠᠳᠣᠪᠠ᠃ ᠬᠥᠭᠵᠢᠯᠳᠡ ᠶᠢᠨ ᠬᠤᠷᠢᠭ᠎ᠠ ᠱᠣᠭᠤᠮ᠂ ᠠᠮᠢ ᠠᠬᠤᠢ ᠶᠢᠨ ᠬᠤᠷᠢᠭ᠎ᠠ ᠱᠣᠭᠤᠮ᠂ ᠠᠷᠠᠳ ᠤᠨ ᠠᠮᠢᠳᠣᠷᠠᠯ ᠤᠨ ᠬᠤᠷᠢᠭ᠎ᠠ ᠱᠣᠭᠤᠮ ᠢ ᠰᠠᠬᠢᠨ᠎ᠠ᠃21. ᠣᠷᠣᠨ ᠠᠯᠤᠰᠯᠠᠭᠰᠠᠨ ᠠᠵᠤ ᠠᠬᠤᠶ᠄ ᠬᠤᠶᠠᠷ ᠤᠤᠯ ᠤᠨ ᠳᠤᠰᠭᠠᠷ ᠢᠶᠠᠨ ᠤᠷᠤᠰᠢᠵᠤ᠂ ᠠᠵᠤ ᠠᠬᠤᠢ ᠶᠢᠨ ᠬᠦᠭᠵᠢᠯᠳᠡ ᠵᠦᠷᠢᠶ᠎ᠡ ᠲᠠᠢ ᠵᠠᠰᠠᠭ ᠵᠠᠬᠢᠷᠭᠠᠨ ᠤ ᠣᠷᠣᠨ ᠨᠢ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠢᠭᠡ ᠭᠠᠵᠠᠷ ᠣᠷᠣᠨ ᠤ ᠪᠡᠯᠡ ᠮᠥᠩᠭᠦ ᠪᠣᠯᠤᠨ ᠲᠥᠷᠥᠯ ᠵᠦᠢᠯ ᠢ ᠥᠭᠡᠷ᠎ᠡ ᠨᠢᠭᠡ ᠭᠠᠵᠠᠷ ᠣᠷᠣᠨ ᠳᠤ ᠠᠪᠠᠴᠢᠵᠤ ᠪᠦᠲᠦᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ ᠲᠥᠯᠥᠪᠵᠢᠭᠦᠯᠬᠦ ᠂ ᠪᠦᠲᠦᠭᠡᠨ ᠪᠠᠶᠢᠭᠤᠯᠬᠤ᠂ ᠬᠠᠮᠢᠶᠠᠷᠬᠤ ᠬᠢᠭᠡᠳ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ᠂ ᠬᠤᠶᠠᠷ ᠭᠠᠵᠠᠷ ᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ‍ ᠨᠢᠭᠡ ᠵᠦᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠵᠠᠭᠪᠤᠷ ᠢ ᠬᠡᠯᠡᠵᠦ ᠪᠠᠶᠢᠨ᠎ᠠ᠃ 22. ︽ᠰᠠᠨᠰᠠᠷ ᠠᠴᠠ ᠣᠶᠢᠷ᠎ᠠ ᠣᠷᠣᠨ ᠵᠠᠢ︾᠄ ᠭᠠᠵᠠᠷ ᠤᠨ ᠭᠠᠳᠠᠷᠭᠤ ᠠᠴᠠ 20~100 ᠺᠢᠯᠣᠮᠧᠲᠷ ᠠᠭᠠᠷ  ᠤᠨ ᠣᠷᠣᠨ ᠢ ᠬᠡᠯᠡᠨ᠎ᠡ᠃ ᠡᠨᠡᠬᠦ ᠣᠷᠣᠨ ᠵᠠᠢ ᠶᠢᠨ ᠴᠢᠬᠤᠯᠠ ᠨᠡᠬᠡᠬᠡᠨ ᠠᠰᠢᠭᠯᠠᠬᠤ ᠥᠷᠳᠡᠭ ᠠᠴᠠ ᠰᠢᠯᠳᠠᠭᠯᠠᠭᠳᠠᠵᠣ᠂ ᠣᠯᠠᠨ ᠣᠯᠣᠰ ᠤᠨ ᠬᠥᠷᠢᠶ᠎ᠡ ᠴᠠᠷ᠎ᠠ ᠳᠤ ᠥᠷᠬᠡᠨ ᠳᠡᠯᠬᠡᠷ ᠠᠩᠬᠠᠷᠣᠯ ᠢ ᠳᠠᠳᠠᠪᠠ᠃23. ᠭᠤᠷᠪᠠ ᠶᠢ ᠪᠠᠭᠤᠷᠠᠭᠤᠯᠵᠤ ᠨᠢᠭᠡ ᠶᠢ ᠳᠣᠷᠣᠭᠰᠢᠯᠠᠭᠤᠯᠵᠤ ᠨᠢᠭᠡ ᠶᠢ ᠨᠥᠬᠦᠪᠦᠷᠢᠯᠡᠬᠦ᠄ ᠲᠤᠬᠠᠶᠢᠯᠠᠪᠠᠯ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠬᠢ ᠶᠢ ᠬᠠᠰᠤᠵᠤ᠂ ᠬᠥᠮᠥᠷᠭᠡ ᠶᠢᠨ ᠬᠠᠳᠠᠭᠠᠯᠠᠯᠲᠠ ᠶᠢ ᠪᠠᠭᠤᠷᠠᠭᠤᠯᠬᠤ᠂ ᠬᠦᠰᠢᠬᠦᠷᠭᠡ ᠶᠢᠨ ᠵᠦᠢᠯᠡᠰ ᠢ ᠴᠥᠭᠡᠳᠬᠡᠬᠦ᠂ ᠥᠪᠡᠷ ᠤᠨ ᠦᠷᠲᠡᠭ ᠢ ᠳᠣᠷᠣᠭᠰᠢᠯᠠᠭᠤᠯᠬᠤ᠂ ᠳᠤᠲᠠᠭᠤᠳᠠᠯ ᠢ ᠨᠥᠬᠦᠪᠥᠷᠢᠯᠡᠬᠦ ᠵᠡᠷᠭᠡ ᠪᠤᠯᠤᠨ᠎ᠠ᠃24. ᠭᠤᠷᠪᠡᠳᠡᠬᠢ ᠳᠦᠷᠦᠯ ᠤᠨ ᠬᠤᠪᠢᠴᠠᠭᠠᠨ ᠤ ᠵᠠᠬ᠎ᠠ  ᠄ ᠪᠦᠬᠦ  ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠤᠪᠢᠴᠠᠭ᠎ᠠ ᠶᠢ ᠰᠢᠯᠵᠢᠭᠦᠯᠬᠦ ᠰᠢᠰᠲ᠋ᠧᠮ᠂ ᠱᠠᠩᠬᠠᠢ ᠶᠢᠨ ᠰᠲ᠋ᠣᠺ ᠰᠣᠯᠢᠯᠴᠠᠬᠤ ᠭᠠᠵᠠᠷ᠂ ᠱᠧᠨᠵᠧᠨ ᠤ ᠰᠲ᠋ᠣᠺ ᠤᠨ ᠰᠣᠯᠢᠯᠴᠠᠭᠠᠨ ᠤ ᠭᠠᠵᠠᠷ ᠤᠨ ᠲᠠᠷᠠᠭ᠎ᠠ ᠲᠥᠷᠥ ᠤᠨ ᠶᠠᠪᠤᠳᠠᠯ ᠤᠨ ᠬᠤᠷᠢᠶᠠᠨ ᠠᠴᠠ ᠵᠥᠪᠰᠢᠶᠡᠷᠡᠨ ᠪᠠᠶᠢᠭᠤᠯᠤᠭᠰᠠᠨ ᠭᠤᠷᠪᠠᠳᠤᠭᠠᠷ ᠰᠲ᠋ᠣᠺ ᠤᠨ ᠰᠣᠯᠢᠯᠴᠠᠭ᠎ᠠ ᠶᠢᠨ ᠭᠠᠵᠠᠷ᠃ ᠭᠤᠣᠯᠳᠠᠭᠤ ᠰᠲ᠋ᠣᠺ ᠢᠶᠠᠨ ᠵᠠᠬ᠎ᠠ ᠳᠡᠯᠭᠡᠭᠦᠷ   ᠲᠤ ᠭᠠᠷᠭᠠᠭ᠎ᠠ ᠦᠭᠡᠢ ᠺᠣᠮᠫᠠᠨᠢ ᠶᠢᠨ ᠬᠤᠪᠢᠴᠠᠭ᠎ᠠ ᠶᠢ  ᠢᠯᠡ ᠪᠠᠷ ᠰᠢᠯᠵᠢᠭᠦᠯᠬᠦ ᠪᠣᠯᠣᠨ ᠴᠢᠭᠯᠡᠭᠦᠯᠦᠨ ᠲᠠᠷᠬᠠᠭᠠᠬᠤ ᠪᠠᠷ ᠭᠤᠣᠯᠯᠠᠵᠤ᠂ ᠳᠤᠮᠳᠠ ᠪᠠᠭ᠎ᠠ ᠠᠵᠤ ᠠᠬᠤᠶᠢᠯᠠᠯ  ᠳᠤ ᠨᠡᠭᠡᠭᠡᠭᠰᠡᠨ  ᠮᠥᠩᠭᠦᠨ ᠭᠦᠢᠯᠭᠡᠭᠡ ᠶᠢᠨ ᠳᠠᠪᠴᠠᠩ ᠪᠣᠯᠣᠨ᠎ᠠ᠃25.  ᠪᠦᠰᠠ ᠶᠢᠨ ᠬᠤᠪᠢᠴᠠᠭ᠎ᠠ ᠶᠢᠨ ᠵᠠᠬ᠎ᠠ᠄ ᠣᠨᠴᠠᠭᠠᠢ ᠪᠦᠰᠡ ᠨᠤᠲᠤᠭ ᠤᠨ ᠠᠵᠤ ᠠᠬᠤᠶᠢᠯᠠᠯ ᠳᠤ ᠬᠤᠪᠢᠴᠠᠭ᠎ᠠ ᠶᠢᠨ ᠡᠷᠬᠡ᠂ ᠰᠲ᠋ᠣᠺ ᠤᠨ ᠰᠢᠯᠵᠢᠭᠦᠯᠬᠦ ᠪᠣᠯᠣᠨ ᠪᠡᠯᠡ ᠬᠤᠷᠠᠮᠳᠤᠯᠭ᠎ᠠ ᠶᠢᠨ ᠬᠤᠷᠠᠮᠳᠤᠭᠤᠯᠤᠭᠰᠠᠨ ᠵᠠᠬ᠎ᠠ ᠳᠡᠯᠭᠡᠭᠡᠷᠡᠢ᠂ ᠮᠠᠨ ᠤ ᠤᠯᠤᠰ ᠤᠨ ᠥᠷᠥᠩᠭᠡ ᠶᠢᠨ ᠵᠠᠬ᠎ᠠ ᠳᠡᠯᠭᠡᠬᠦᠷ ᠤᠨ ᠴᠢᠬᠤᠯᠠ ᠪᠦᠲᠦᠴᠡ᠃ ᠠᠵᠤ ᠠᠬᠤᠶᠢᠯᠠᠯ ᠢ ᠠᠬᠢᠭᠤᠯᠬᠤ᠂ ᠣᠨᠴᠠᠭᠠᠶᠢᠯᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠤᠪᠢᠴᠠᠭ᠎ᠠ ᠶᠢᠨ ᠰᠣᠯᠢᠯᠴᠠᠭ᠎ᠠ᠂ ᠪᠡᠯᠡ ᠬᠤᠷᠠᠮᠳᠤᠭᠤᠯᠬᠤ ᠶᠢ ᠠᠬᠢᠭᠤᠯᠬᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠣᠯᠣᠨ ᠠᠷᠠᠳ ᠤᠨ ᠬᠥᠷᠥᠩᠭᠡ ᠶᠢ ᠢᠳᠡᠪᠬᠢᠵᠢᠭᠦᠯᠬᠦ᠂ ᠪᠣᠲᠠᠲᠤ ᠠᠵᠤ ᠠᠬᠤᠢ ᠶᠢᠨ ᠪᠠᠭᠤᠷᠠᠢ ᠲᠠᠯ᠎ᠠ  ᠶᠢ ᠳᠡᠮᠵᠢᠬᠦ ᠶᠢ ᠴᠢᠩᠭᠠᠳᠬᠠᠬᠤ ᠢᠳᠡᠪᠬᠢᠲᠡᠢ ᠦᠢᠯᠡᠳᠦᠯ ᠲᠠᠢ ᠪᠠᠶᠢᠳᠠᠭ᠃26. ᠬᠥᠳᠡᠭᠡ ᠲᠤᠰᠬᠤᠨ ᠢ ᠰᠡᠷᠭᠦᠭᠡᠨ ᠬᠥᠭᠵᠢᠭᠦᠯᠬᠦ ᠪᠠᠶᠢᠯᠳᠤᠬᠤ  ᠪᠣᠳᠣᠯᠭ᠎ᠠ᠄ ᠨᠠᠮ ᠤᠨ ᠠᠷᠪᠠᠨ ᠶᠢᠰᠦᠳᠦᠭᠡᠷ ᠬᠤᠷᠠᠯ ᠠᠴᠠ ᠳᠤᠷᠠᠳᠤᠨ ᠭᠠᠷᠭᠠᠭᠰᠠᠨ ᠳᠣᠯᠣᠭᠠᠨ ᠪᠠᠶᠢᠯᠳᠤᠬᠤ ᠪᠤᠳᠣᠯᠭ᠎ᠠ ᠶᠢᠨ ᠨᠢᠭᠡ ᠨᠢ ᠪᠣᠯᠣᠨ᠎ᠠ᠂ ᠵᠣᠷᠢᠯᠭ᠎ᠠ ᠨᠢ ᠬᠥᠳᠡᠭᠡ ᠲᠤᠰᠬᠤᠨ ᠮᠠᠯᠵᠢᠬᠤ ᠣᠷᠣᠨ  ᠤ ᠬᠥᠭᠵᠢᠯᠲᠡ ᠪᠣᠯᠣᠨ ᠪᠠᠳᠠᠷᠠᠨ ᠴᠡᠴᠡᠭᠯᠡᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ  ᠴᠢᠬᠤᠯᠠ ᠵᠠᠩᠭᠢᠯᠠᠭ᠎ᠠ ᠪᠣᠯᠣᠨ᠎ᠠ᠃27. ᠭᠤᠷᠪᠠᠨ ᠡᠷᠬᠡ ᠶᠢ ᠲᠤᠰᠠᠭᠠᠷᠯᠠᠬᠤ᠄ ᠨᠤᠲᠤᠭ ᠪᠡᠯᠴᠢᠭᠡᠷ ᠤᠨ ᠥᠮᠴᠢ ᠶᠢᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠲᠤᠰᠠᠭᠠᠷᠯᠠᠨ ᠰᠠᠯᠭᠠᠬᠤ᠃28. ᠲᠠᠷᠢᠶᠠᠨ ᠭᠠᠵᠠᠷ ᠤᠨ ᠶᠡᠷᠦᠩᠬᠡᠢ ᠴᠣᠭᠴᠠ᠄ ᠠᠵᠤ ᠦᠢᠯᠡᠰ ᠢ ᠶᠡᠷᠦᠩᠬᠡᠶᠢᠯᠡᠨ ᠬᠥᠭᠵᠢᠭᠦᠯᠬᠦ ᠪᠣᠯᠣᠨ ᠬᠥᠳᠡᠭᠡ ᠲᠤᠰᠬᠤᠨ ᠤ ᠬᠥᠷᠥᠩᠭᠡ ᠶᠢ ᠠᠰᠢᠭᠯᠠᠵᠤ᠂ ᠤᠳᠤᠬᠤᠢ ᠬᠥᠳᠡᠭᠡ ᠲᠤᠰᠬᠤᠨ ᠤ ᠬᠥᠭᠵᠢᠯᠲᠡ ᠶᠢᠨ ᠲᠥᠯᠥᠭᠡᠯᠡᠬᠦ ᠰᠢᠪᠲᠤᠯᠤᠯᠲᠠ ᠶᠢᠨ ᠤᠬᠠᠮᠰᠠᠷ ᠤᠨ ᠬᠡᠯᠪᠡᠷᠢ᠃29. ᠲᠠᠷᠢᠶᠠᠯᠠᠩ ᠤᠨ ᠦᠢᠯᠡᠰ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠄ ᠤᠯᠤᠰ ᠤᠨ ᠤᠰᠣᠨ ᠤ ᠶᠠᠪᠤᠳᠠᠯ ᠤᠨ ᠶᠠᠮᠤᠨ᠂ ᠥᠭᠡᠷᠡᠴᠢᠯᠡᠯᠲᠡ ᠨᠡᠭᠡᠭᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ  ᠠᠴᠠ ᠨᠢᠬᠡᠳᠦᠯᠳᠡᠢ ᠳᠤᠷᠠᠳᠴᠤ᠂ ᠤᠰᠤ ᠠᠷᠪᠢᠯᠠᠬᠤ ᠶᠢ ᠳᠤᠪᠤᠶᠢᠯᠠᠭᠠᠨ᠂ ᠭᠤᠷᠪᠠᠨ ᠲᠠᠯ᠎ᠠ ᠶᠢᠨ ᠡᠭᠦᠷᠭᠡ ᠶᠢ ᠭᠦᠢᠴᠡᠳᠬᠡᠨ᠎ᠡ᠃ ᠨᠢᠭᠡ ᠳᠤ᠂ ᠲᠠᠷᠢᠶᠠᠴᠢᠨ ᠤ ᠤᠰᠤ ᠬᠡᠷᠡᠭᠯᠡᠬᠦ ᠶᠢᠨ ᠥᠪᠡᠷᠲᠡᠭᠡᠨ ᠬᠠᠮᠢᠶᠠᠷᠴᠤ᠂ ᠲᠠᠷᠢᠶᠠᠯᠠᠩ ᠤᠨ ᠬᠡᠷᠡᠭᠯᠡᠭᠡᠨ ᠤ ᠤᠰᠤᠨ ᠤ ᠬᠠᠮᠢᠶᠠᠷᠤᠯᠲᠠ ᠶᠢᠨ ᠪᠦᠲᠦᠴᠠ ᠶᠢ ᠰᠢᠨᠡᠴᠢᠯᠡᠨ᠎ᠡ᠃ ᠬᠤᠶᠠᠷ ᠲᠤ ᠢᠨᠵᠧᠨᠧᠷᠢᠩ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠢᠨᠵᠧᠨᠧᠷᠢᠩ ᠢ ᠲᠡᠭᠦᠯᠳᠡᠷᠵᠢᠭᠦᠯᠦᠨ᠎ᠡ᠃ ᠭᠤᠷᠪᠠ ᠳᠤ᠂ ᠲᠠᠷᠢᠶᠠᠯᠠᠩ ᠤᠨ ᠦᠢᠯᠡᠰ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠰᠢᠨᠵᠢᠯᠡᠬᠦ ᠤᠬᠠᠭᠠᠨᠴᠢ ᠵᠣᠬᠢᠰᠲᠠᠢ ᠤᠰᠤᠨ ᠤ ᠦᠨ᠎ᠡ ᠶᠢᠨ ᠳᠦᠷᠢᠮ ᠢ ᠪᠠᠶᠢᠭᠤᠯᠤᠨ᠎ᠠ᠃30.ᠲᠡᠳᠬᠦᠨ ᠪᠠᠲᠤᠯᠠᠬᠤ ᠵᠢᠭᠡᠯᠡᠯᠭᠡ᠄ ᠤᠷᠤᠨ ᠨᠤᠲᠤᠭ ᠤᠨ ᠵᠠᠰᠠᠭ ᠤᠨ ᠣᠷᠳᠤᠨ ᠪᠣᠯᠣᠨ ᠪᠠᠩᠬᠢ  ᠶᠢᠨ ᠬᠠᠮᠳᠤᠷᠠᠨ ᠰᠢᠯᠢᠨ ᠲᠣᠭᠲᠠᠭᠠᠭᠰᠠᠨ ᠳᠤᠮᠳᠠ ᠪᠠᠭ᠎ᠠ ᠠᠵᠤ ᠠᠬᠤᠶᠢᠯᠠᠯ  ᠢᠶᠠᠷ ᠪᠦᠷᠢᠯᠳᠦᠭᠰᠡᠨ ᠴᠣᠭᠴᠠ᠂ ᠵᠠᠰᠠᠭ ᠤᠨ ᠲᠦᠭᠰᠢᠭᠦᠷᠢ ᠶᠢᠨ ᠨᠥᠬᠦᠪᠦᠷᠢ ᠬᠥᠷᠥᠩᠭᠡ ᠪᠣᠯᠣᠨ ᠠᠵᠤ ᠠᠬᠤᠶᠢᠯᠠᠯ ᠤᠨ ᠲᠤᠰᠢᠶᠠᠭᠰᠠᠨ ᠲᠡᠳᠬᠦᠨ ᠪᠠᠲᠤᠯᠠᠬᠤ ᠪᠡᠯᠡ ᠮᠥᠩᠭᠦ ᠪᠠᠷ ᠲᠦᠭᠰᠢᠭᠦᠷᠢ ᠶᠢ ᠬᠥᠩᠭᠡᠷᠡᠭᠦᠯᠬᠦ ᠰᠠᠭᠤᠷᠢ ᠮᠦᠩᠬᠦ ᠶᠢ ᠪᠠᠶᠢᠭᠤᠯᠵᠤ᠂ ᠳᠦᠭᠰᠢᠬᠦᠷᠢ ᠶᠢ ᠠᠷᠭᠠᠴᠠᠭᠠᠬᠤ ᠬᠡᠯᠪᠡᠷᠢ ᠶᠢᠨ ᠢᠲᠡᠭᠡᠮᠵᠢ ᠶᠢᠨ ᠵᠢᠭᠡᠯᠡᠯᠭᠡ᠃31. ᠬᠥᠪᠰᠥᠭᠡᠷ ᠬᠤᠲᠠ  ᠄ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠠᠷᠭ᠎ᠠ ᠪᠠᠷ ᠳᠠᠮᠵᠢᠨ᠂ ᠪᠣᠷᠣᠭᠠᠨ ᠣᠷᠣᠬᠤ ᠳᠤ ᠤᠰᠤ ᠰᠢᠩᠭᠡᠭᠡᠵᠦ᠂ ᠤᠰᠤ ᠬᠠᠳᠠᠭᠠᠯᠠᠵᠤ᠂ ᠤᠰᠤ ᠨᠡᠪᠴᠢᠭᠦᠯᠵᠦ᠂ ᠤᠰᠤ ᠴᠡᠪᠡᠷᠰᠢᠭᠦᠯᠵᠦ᠂ ᠴᠢᠬᠤᠯᠠᠲᠠᠶ ᠦᠶᠡᠰ ᠲᠤ ᠬᠠᠳᠠᠭᠠᠯᠠᠭᠰᠠᠨ ᠤᠰᠤ ᠪᠠᠨ ᠭᠠᠷᠭᠠᠨ ᠠᠰᠢᠭᠯᠠᠬᠤ᠂ ᠬᠤᠳᠠ ᠪᠠᠯᠭᠠᠰᠤ ᠨᠢ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠬᠤ ᠪᠠ ᠪᠣᠷᠤᠭᠠᠨ ᠠᠴᠠ ᠪᠣᠯᠣᠭᠰᠠᠨ ᠪᠠᠶᠢᠭᠠᠯᠢ ᠶᠢᠨ ᠭᠠᠮᠰᠢᠭ ᠵᠡᠷᠭᠡ ᠲᠠᠯ᠎ᠠ ᠶᠢ ᠠᠷᠭᠠᠴᠠᠬᠤ ᠳᠤ ᠨᠡᠩ ᠰᠠᠶᠢᠨ ︽ᠬᠥᠪᠰᠥᠭᠡᠷ ᠴᠢᠨᠠᠷ︾ ᠲᠠᠢ ᠪᠠᠶᠢᠳᠠᠭ᠃   32. ︽ᠵᠣᠷᠯᠣᠩ ᠤᠨ ᠰᠢᠨᠡᠴᠢᠯᠡᠯᠲᠡ︾᠄ ᠤᠯᠤᠰ ᠤᠨ ᠵᠢᠭᠤᠯᠴᠢᠯᠠᠯ ᠤᠨ ᠲᠣᠪᠴᠢᠶ᠎ᠠ  2015 ᠣᠨ ᠠᠴᠠ ᠡᠬᠢᠯᠡᠵᠦ ᠪᠦᠬᠦ ᠤᠯᠤᠰ ᠤᠨ ᠬᠡᠪᠴᠢᠶᠡᠨ ᠳᠤ ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠶᠠᠪᠤᠭᠤᠯᠵᠤ᠂3 ᠵᠢᠯ ᠤᠨ ᠳᠣᠲᠣᠷ᠎ᠠ ᠵᠢᠭᠤᠯᠴᠢᠯᠠᠯ ᠤᠨ ᠵᠣᠷᠯᠣᠩ ᠤᠨ ᠴᠥᠭᠡᠨ᠂ ᠠᠷᠢᠭᠤᠨ ᠴᠡᠪᠡᠷ ᠤᠨ ᠴᠢᠨᠰᠠᠭ᠎ᠠ ᠮᠠᠭᠤ ᠪᠣᠯᠣᠨ ᠬᠠᠮᠢᠶᠠᠷᠤᠯᠲᠠ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃33. ᠣᠶᠤᠨᠲᠦ ᠬᠤᠳᠠ᠄ ᠡᠯ᠎ᠡ ᠰᠢᠰᠲ᠋ᠧᠮ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠤᠨ ᠰᠠᠭᠤᠷᠢ ᠲᠤᠭ᠎ᠠ ᠪᠠᠷᠢᠮᠲᠠ ᠶᠢ ᠰᠤᠷᠠᠭ ᠵᠠᠩᠭᠢ ᠪᠠ ᠮᠡᠳᠡᠭᠡ ᠬᠤᠯᠪᠣᠭᠠᠨ ᠤ ᠮᠡᠷᠭᠡᠵᠢᠯ ᠢᠶᠠᠷ ᠳᠠᠮᠵᠢᠨ᠂ ᠬᠤᠳᠠ ᠶᠢᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠣᠷᠴᠢᠨ ᠲᠣᠭᠤᠷᠢᠨ ᠢ ᠬᠠᠮᠠᠭᠠᠯᠠᠬᠤ᠂ ᠤᠯᠠᠨ ᠨᠡᠶᠢᠲᠡ ᠶᠢᠨ ᠠᠮᠤᠷ ᠲᠦᠪᠰᠢᠨ᠂ ᠦᠢᠯᠡᠳᠪᠦᠷᠢ ᠬᠤᠳᠠᠯᠳᠤᠭᠠᠨ ᠤ ᠠᠵᠢᠯᠯᠠᠭ᠎ᠠ ᠵᠡᠷᠭᠡ ᠡᠯ᠎ᠡ ᠬᠦᠷᠢᠶᠡᠨ ᠳᠤ ᠬᠡᠷᠡᠭᠯᠡᠵᠦ᠂ ᠥᠨᠳᠥᠷ ᠪᠦᠲᠦᠮᠵᠢᠲᠡᠶ᠂ ᠠᠷᠠᠳ ᠲᠤ ᠳᠥᠭᠦᠮ ᠦᠵᠡᠭᠦᠯᠬᠦ ᠣᠶᠣᠨᠴᠢ ᠦᠢᠯᠡᠴᠢᠯᠡᠭᠡ ᠬᠠᠩᠭᠠᠬᠤ᠃ 34. ︽ᠤᠶᠤᠨᠳᠤ ᠨᠡᠶᠢᠭᠡᠮ ᠲᠣᠭᠤᠷᠢᠭ︾᠄ ᠪᠤᠳᠠᠰ ᠤᠨ ᠬᠤᠯᠪᠤᠭᠠᠨ ᠤ ᠰᠦᠯᠵᠢᠶ᠎ᠡ᠂ ᠡᠬᠦᠯᠡᠨ ᠪᠤᠳᠤᠯᠳᠠ᠂ ᠨᠡᠬᠦᠳᠡᠯ ᠬᠤᠯᠪᠤᠭ᠎ᠠ ᠵᠡᠷᠬᠡ ᠰᠢᠨ᠎ᠡ ᠴᠢᠮᠡᠭᠡ ᠲᠧᠭᠨᠢᠭ ᠢ ᠬᠦᠢᠴᠡᠳ ᠳᠦᠪᠯᠡᠷᠡᠬᠦᠯᠦᠨ ᠬᠡᠷᠡᠭᠯᠡᠵᠤ᠂ ᠴᠢᠮᠡᠭᠡ ᠵᠠᠩᠬᠢᠵᠢᠭᠰᠡᠨ᠂ ᠤᠶᠤᠨᠵᠢᠭᠰᠠᠨ ᠨᠡᠶᠢᠬᠡᠮ ᠤᠨ ᠬᠠᠮᠢᠶᠠᠷᠤᠯᠳᠠ ᠪᠠ ᠦᠢᠯᠡᠴᠢᠯᠡᠬᠡᠨ ᠤ ᠨᠢᠬᠡ ᠵᠦᠢᠯ ᠤᠨ ᠰᠢᠨ᠎ᠡ ᠬᠠᠮᠢᠶᠠᠷᠤᠯᠳᠠ ᠶᠢᠨ ᠬᠡᠯᠪᠡᠷᠢ ᠲᠠᠢ ᠨᠡᠶᠢᠬᠡᠮ ᠳᠤᠭᠤᠷᠢᠭ ᠢ ᠵᠢᠭᠠᠨ᠎ᠠ᠃35. ᠨᠡᠬᠦᠷᠡᠰᠦᠳᠦ᠋ᠷᠦᠭᠴᠢᠳᠤ ᠰᠤᠯᠢᠯᠴᠠᠭ᠎ᠠ᠄ ᠬᠦᠭᠵᠢᠭᠰᠡᠨ ᠤᠯᠤᠰ ᠠᠴᠠ ᠬᠦᠭᠵᠢᠵᠤ ᠪᠠᠶᠢᠭ᠎ᠠ ᠤᠯᠤᠰ ᠠᠴᠠ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠵᠢᠭᠠᠯᠳᠠ ᠳᠤᠭ᠎ᠠ ᠶᠢ ᠬᠤᠳᠠᠯᠳᠤᠨ ᠠᠪᠬᠤ ᠶᠢ ᠵᠢᠭᠠᠨ᠎ᠠ᠃ ᠳᠠᠷᠤᠢ ᠵᠠᠬ᠎ᠠ ᠳᠡᠯᠬᠡᠬᠦᠷ ᠤᠨ ᠳᠤᠭᠳᠠᠯᠴᠠᠭ᠎ᠠ ᠪᠠᠷ ᠳᠠᠮᠵᠢᠨ ᠤᠢ ᠰᠢᠭᠤᠢ ᠶᠢᠨ ᠠᠮᠢ ᠠᠬᠤᠢ ᠶᠢᠨ ᠦᠷᠳᠡᠭ ᠤᠨ ᠨᠦᠬᠦᠪᠦᠷᠢ ᠶᠢ ᠪᠡᠶᠡᠯᠡᠬᠦᠯᠬᠦ ᠨᠢᠬᠡᠨ ᠪᠦᠳᠦᠮᠵᠢᠳᠡᠢ ᠠᠷᠭ᠎ᠠ ᠶᠢ ᠵᠢᠭᠠᠨ᠎ᠠ᠃36.  ᠬᠥᠬᠡᠬᠤᠲᠠ᠂ ᠪᠤᠭᠤᠲᠤ᠂ ᠢᠷᠭᠠᠢ᠂ ᠢᠤᠢ ᠯᠢᠨ ᠤ ᠠᠵᠤ ᠠᠬᠤᠢ ᠶᠢᠨ ᠪᠦᠰᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠦᠬᠠᠢ᠂ ᠡᠷᠢᠶᠡᠨ ᠬᠤᠳᠠ᠂ ᠤᠯᠠᠭᠠᠨᠴᠠᠪ ᠤᠨ ᠵᠢᠨᠢᠩ᠂ ᠵᠦᠸᠧᠽᠢ ᠰᠢᠶᠠᠨ᠂ ᠯᠢᠶᠠᠩᠴᠧᠩ ᠰᠢᠶᠠᠨ᠂ ᠹᠧᠩᠵᠧᠨ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠠᠯᠠᠱᠠ ᠠᠶᠢᠮᠠᠭ ᠤᠨ ᠠᠯᠱᠠ ᠵᠡᠭᠦᠨ ᠬᠤᠰᠢᠭᠤ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ᠂ ᠱᠢ ᠽᠦᠢ ᠱᠠᠨ᠂ ᠡᠤ ᠵᠥᠩ᠂ ᠳᠡᠷᠡᠰᠦᠨ ᠤ ᠱᠠ ᠫᠥᠸ᠋ ᠲᠸᠦ ᠪᠣᠯᠣᠨ ᠵᠦᠩ ᠨᠢᠩ ᠰᠢᠶᠠᠨ᠂ ᠱᠠᠨᠰᠢ ᠮᠤᠵᠢ ᠶᠢᠨ ᠢᠤᠢ ᠯᠢᠨ ᠵᠡᠷᠭᠡ ᠬᠤᠲᠠ ᠪᠠᠷ ᠪᠦᠷᠢᠯᠳᠦᠭᠰᠡᠨ ᠠᠵᠤ ᠠᠬᠤᠢ ᠶᠢᠨ ᠪᠦᠰᠡ᠃37. ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠠᠵᠤ ᠠᠬᠤᠢ ᠶᠢᠨ ᠪᠦᠰᠡ᠄ ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠲᠡᠮᠦᠷ ᠵᠠᠮ ᠢᠶᠠᠷ ᠬᠤᠯᠪᠣᠭᠠᠰᠤ ᠪᠣᠯᠭᠠᠵᠤ᠂ ᠱᠤᠭᠤᠮ ᠤᠨ ᠳᠠᠭᠠᠤ ᠭᠤᠣᠯ ᠬᠤᠲᠠ ᠪᠠᠷ ᠲᠦᠰᠢᠭ ᠪᠣᠯᠭᠠᠵᠤ᠂ ᠵᠡᠭᠦᠨ ᠪᠠᠷᠠᠭᠤᠨ ᠳᠠᠯᠠᠢ ᠬᠠᠭᠤᠷᠠᠢ ᠶᠢᠨ ᠪᠣᠭᠤᠮᠲᠠ ᠶᠢ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ︽ᠴᠣᠩᠬᠤᠪᠴᠢ  ︾ ᠪᠣᠯᠭᠠᠨ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢ ᠬᠤᠯᠪᠣᠬᠤ ᠬᠥᠭᠦᠷᠭᠡ ᠳᠤ ᠲᠦᠰᠢᠭᠯᠡᠨ᠂ ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠡᠯ᠎ᠡ ᠬᠤᠲᠠ ᠭᠠᠵᠠᠷ ᠣᠷᠣᠨ ᠢᠶᠠᠷ ᠪᠦᠷᠢᠯᠳᠦᠭᠰᠡᠨ ᠠᠵᠤ ᠠᠬᠤᠢ ᠶᠢᠨ ᠪᠦᠰᠡ ᠶᠢ ᠵᠢᠭᠠᠨ᠎ᠠ᠃38. ︽ᠬᠤᠶᠠᠷ ᠲᠤ ᠵᠤᠪᠠᠭ᠋ᠤ ᠦᠬᠡᠢ᠂ ᠭᠤᠷᠪᠠᠨ ᠪᠠᠳᠤᠯᠠᠭ᠎ᠠ︾ ᠬᠡᠳᠡᠭ ᠨᠢ  ᠂ 2020 ᠤᠨ ᠪᠤᠯᠬᠤ ᠳᠤ ᠬᠦᠳᠡᠭᠡ ᠳᠤᠰᠬᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠢᠳᠡᠬᠦ ᠪᠠ ᠡᠮᠦᠰᠬᠦ ᠳᠤ ᠵᠤᠪᠠᠭ᠋ᠤ ᠦᠬᠡᠢ ᠪᠠᠶᠢᠬᠤ ᠪᠠ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠰᠠᠭᠤᠬᠤ ᠬᠡᠷ ᠤᠨ ᠠᠮᠤᠷ ᠳᠦᠪᠰᠢᠨ ᠤ ᠪᠠᠳᠤᠯᠠᠭ᠎ᠠ ᠶᠢ ᠳᠤᠭᠳᠠᠭᠤᠨ ᠢᠶᠠᠷ ᠪᠡᠶᠡᠯᠡᠬᠦᠯᠬᠦ ᠶᠢ ᠵᠢᠭᠠᠨ᠎ᠠ᠃39. ᠡᠮᠨᠡᠯᠬᠡ ᠶᠢᠨ ᠬᠤᠯᠪᠤᠭᠠᠯᠠᠯ ᠬᠡᠳᠡᠭ ᠨᠢ᠂ ᠪᠦᠰᠡ ᠨᠤᠳᠤᠭ ᠤᠨ ᠡᠮᠨᠡᠯᠬᠡ ᠶᠢᠨ ᠬᠤᠯᠪᠤᠭᠠᠯᠠᠯ ᠢ ᠵᠢᠭᠠᠨ᠎ᠠ᠃ ᠳᠠᠷᠤᠢ ᠠᠳᠠᠯᠢ ᠨᠢᠬᠡᠨ ᠪᠦᠰᠡ ᠨᠤᠳᠤᠭ ᠲᠠᠬᠢ ᠡᠮ ᠡᠮᠨᠡᠯᠬᠡ ᠶᠢᠨ ᠡᠬᠢ ᠪᠠᠶᠠᠯᠢᠭ ᠢ ᠨᠢᠬᠡᠳᠬᠡᠨ᠂ ᠭᠤᠷᠪᠠᠳᠤᠭᠠᠷ ᠳᠡᠰ ᠤᠨ ᠡᠮᠨᠡᠯᠬᠡ ᠶᠢᠨ ᠬᠤᠷᠢᠶ᠎ᠠ᠂ ᠬᠤᠶᠠᠳᠤᠭᠠᠷ ᠳᠡᠰ ᠤᠨ ᠡᠮᠨᠡᠯᠬᠡ ᠶᠢᠨ ᠬᠤᠷᠢᠶ᠎ᠠ᠂ ᠨᠡᠶᠢᠬᠡᠮ ᠳᠤᠭᠤᠷᠢᠭ ᠤᠨ ᠪᠠ ᠬᠦᠳᠡᠭᠡ ᠳᠤᠰᠬᠤᠨ ᠤ ᠡᠮᠨᠡᠯᠬᠡ ᠶᠢᠨ ᠬᠤᠷᠢᠶ᠎ᠠ ᠪᠠᠷ ᠪᠦᠷᠢᠯᠳᠦᠭᠰᠡᠨ ᠡᠮ ᠡᠮᠨᠡᠯᠬᠡ ᠶᠢᠨ ᠬᠤᠯᠪᠤᠭᠠᠯᠠᠯ ᠢ ᠵᠢᠭᠠᠨ᠎ᠠ᠃40. ᠡᠮᠨᠡᠯᠬᠡ ᠶᠢᠨ ᠬᠠᠮᠳᠤᠷᠠᠯ ᠬᠡᠳᠡᠭ ᠨᠢ ᠡᠮ ᠡᠮᠨᠡᠯᠬᠡ ᠶᠢᠨ ᠦᠢᠯᠡᠴᠢᠯᠡᠬᠡᠨ ᠤ ᠬᠠᠮᠳᠤᠷᠠᠯ ᠤᠨ ᠳᠦᠬᠦᠮ ᠨᠡᠷᠡᠶᠢᠳᠦᠯ ᠪᠤᠯᠤᠨ᠎ᠠ᠃ ᠪᠦᠰᠡ ᠨᠤᠳᠤᠭ ᠤᠨ ᠡᠮ ᠡᠮᠨᠡᠯᠬᠡ ᠶᠢᠨ ᠡᠬᠢ ᠪᠠᠶᠠᠯᠢᠭ ᠢ ᠤᠯᠠᠮ ᠨᠢᠬᠡ ᠠᠯᠬᠤᠮ ᠨᠢᠬᠡᠳᠬᠡᠨ ᠬᠠᠮᠳᠤᠪᠠᠷ ᠡᠳ᠋ᠯᠡᠬᠦ ᠶᠢ ᠵᠢᠭᠠᠵᠤ ᠪᠤᠢ᠃ ᠦᠨᠳᠦᠰᠦᠨ ᠡᠮ ᠮᠡᠨᠡᠯᠬᠡ ᠶᠢᠨ ᠦᠢᠯᠡᠴᠢᠯᠡᠬᠡᠨ ᠤ ᠴᠢᠳᠠᠪᠬᠢ ᠶᠢ ᠪᠦᠳᠦᠮᠵᠢᠳᠡᠢ ᠳᠡᠬᠡᠭᠰᠢᠯᠡᠬᠦᠯᠵᠤ᠂ ᠠᠳᠠᠯᠢ ᠪᠤᠰᠤ ᠳᠡᠰ᠂ ᠠᠳᠠᠯᠢ ᠪᠤᠰᠤ ᠳᠦᠷᠦᠯ ᠤᠨ ᠡᠮ ᠡᠮᠨᠡᠯᠬᠡ ᠶᠢᠨ ᠪᠠᠶᠢᠭᠤᠯᠤᠮᠵᠢ ᠬᠤᠭᠤᠷᠤᠨᠳᠤ ᠬᠠᠷᠠᠯᠳᠠ  ᠪᠠ ᠡᠷᠬᠡ ᠡᠬᠦᠷᠬᠡ ᠪᠠᠨ ᠳᠤᠳᠤᠷᠬᠠᠶᠢᠯᠠᠵᠤ᠂ ᠠᠰᠢᠭ ᠳᠤᠰᠠ ᠪᠠ ᠬᠠᠷᠢᠭᠤᠴᠠᠯᠭ᠎ᠠ ᠪᠠᠨ ᠬᠠᠮᠳᠤᠳᠬᠠᠨ᠂ ᠡᠪᠡᠳᠴᠢᠳᠡᠨ ᠳᠤ ᠦᠷᠬᠦᠯᠵᠢᠯᠡᠭᠰᠡᠨ ᠦᠢᠯᠡᠴᠢᠯᠡᠭᠡ ᠬᠠᠩᠭᠠᠵᠤ᠂ ᠦᠨᠳᠦᠰᠦᠨ ᠱᠠᠳᠤᠨ ᠤ ᠠᠩᠬ᠎ᠠ ᠡᠮᠴᠢᠯᠡᠭᠡ᠂ ᠬᠤᠶᠠᠷ ᠳᠡᠰᠢ ᠰᠤᠯᠢᠵᠤ ᠡᠮᠴᠢᠯᠡᠬᠦ᠂ ᠪᠠᠴᠢᠮ ᠪᠠ ᠤᠳᠠᠭᠠᠨ ᠡᠪᠡᠳᠴᠢᠨ ᠢ ᠢᠯᠭᠠᠨ ᠡᠮᠴᠢᠯᠡᠬᠦ᠂ ᠳᠡᠬᠡᠷ᠎ᠡ ᠳᠤᠤᠷ᠎ᠠ ᠬᠦᠳᠡᠯᠦᠩᠬᠦᠢ ᠡᠮᠴᠢᠯᠡᠬᠡᠨ ᠤ ᠬᠡᠯᠪᠡᠷᠢ ᠶᠢ ᠵᠢᠭᠠᠵᠤ ᠪᠠᠶᠢᠨ᠎ᠠ᠃41. ︽ᠡᠮᠨᠡᠯᠬᠡ ᠨᠠᠰᠤᠵᠢᠯ ᠢ ᠤᠶᠠᠯᠳᠤᠭᠤᠯᠤᠭᠰᠠᠨ︾ ᠨᠠᠰᠤᠵᠢᠯ ᠤᠨ ᠦᠢᠯᠡᠴᠢᠯᠡᠭᠡ᠄ ᠡᠮ ᠡᠮᠨᠡᠯᠬᠡ ᠶᠢᠨ ᠡᠬᠢ ᠪᠠᠶᠠᠯᠢᠭ ᠪᠠ ᠨᠠᠰᠤᠵᠢᠯ ᠤᠨ ᠡᠬᠢ ᠪᠠᠶᠠᠯᠢᠭ ᠢ ᠬᠠᠷᠢᠯᠴᠠᠨ ᠤᠶᠠᠯᠳᠤᠭᠤᠯᠵᠤ᠂ ᠡᠮ ᠡᠮᠨᠡᠯᠬᠡ᠂ ᠡᠷᠡᠬᠦᠯᠵᠢᠯ᠂ ᠰᠤᠪᠢᠯᠠᠯᠳᠠ᠂ ᠨᠠᠰᠤᠵᠢᠯ ᠪᠠᠷ ᠨᠢᠬᠡ ᠴᠤᠭᠴᠠ ᠪᠤᠯᠭᠠᠨ᠂ ᠨᠡᠶᠢᠬᠡᠮ ᠤᠨ ᠡᠬᠢ ᠪᠠᠶᠠᠯᠢᠭ ᠢ ᠬᠠᠮᠤᠭ ᠶᠡᠭᠡ ᠬᠡᠮᠵᠢᠶᠡᠨ  ᠳᠤ ᠠᠰᠢᠭᠯᠠᠵᠤ᠂ ᠨᠠᠰᠤᠳᠠᠶᠢᠴᠤᠳ ᠤᠨ ᠡᠮ ᠡᠮᠨᠡᠯᠬᠡ ᠶᠢᠨ ᠪᠠᠳᠤᠯᠠᠭ᠎ᠠ ᠶᠢ ᠰᠠᠶᠢᠨ ᠬᠠᠩᠭᠠᠬᠤ ᠶᠢᠨ ᠳᠤᠰᠠᠳᠠ ᠡᠮ ᠡᠮᠨᠡᠯᠬᠡ ᠶᠢᠨ ᠪᠠᠳᠤᠯᠠᠭ᠎ᠠ ᠲᠠᠢ ᠪᠠᠶᠢᠯᠭᠠᠨ᠎ᠠ᠃42. ︽8+1︾ ᠨᠡᠶᠢᠬᠡᠮ ᠤᠨ ᠠᠪᠤᠷᠠᠨ ᠳᠤᠰᠠᠯᠠᠬᠤ ᠳᠤᠭᠳᠠᠯᠴᠠᠭ᠎ᠠ᠄ 8 ᠬᠡᠳᠡᠭ ᠨᠢ ᠬᠠᠮᠤᠭ ᠳᠤᠤᠷ᠎ᠠ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠰ᠂ ᠭᠠᠮᠰᠢᠭᠳᠠᠭᠰᠠᠨ ᠬᠦᠮᠦᠰ᠂ ᠡᠮ ᠡᠮᠨᠡᠯᠬᠡ᠂ ᠰᠤᠷᠭᠠᠨ ᠬᠦᠮᠦᠵᠢᠯ᠂ ᠰᠠᠭᠤᠬᠤ ᠬᠡᠷ᠂ ᠠᠵᠢᠯ ᠤᠯᠭᠤᠯᠳᠠ᠂ ᠳᠦᠷ ᠴᠠᠭ ᠤᠨ ᠠᠪᠤᠷᠠᠨ ᠳᠤᠰᠠᠯᠠᠯᠳᠠ ᠶᠢ ᠵᠢᠭᠠᠨ᠎ᠠ᠃ 1 ᠬᠡᠳᠡᠭ ᠨᠢ ᠨᠡᠶᠢᠬᠡᠮ ᠤᠨ ᠬᠦᠴᠦᠨ ᠤᠷᠤᠯᠴᠠᠭ᠎ᠠ ᠶᠢ ᠵᠢᠭᠠᠵᠤ ᠪᠤᠢ᠃ 8 ᠨᠢ ᠵᠠᠰᠠᠭ ᠤᠨ ᠤᠷᠳᠤᠨ ᠤ ᠠᠵᠢᠯᠯᠠᠭ᠎ᠠ᠂ 1 ᠨᠢ ᠨᠡᠶᠢᠬᠡᠮ ᠤᠨ ᠠᠵᠢᠯᠯᠠᠭ᠎ᠠ᠂ ᠨᠡᠶᠢᠯᠡᠬᠡᠳ ᠮᠠᠨ ᠤ ᠤᠯᠤᠰ ᠤᠨ ᠨᠡᠶᠢᠬᠡᠮ ᠤᠨ ᠠᠪᠤᠷᠠᠨ ᠳᠤᠰᠠᠯᠠᠬᠤ ᠪᠦᠷᠢᠨ ᠳᠤᠭᠳᠠᠯᠴᠠᠭ᠎ᠠ ᠶᠢ ᠪᠦᠷᠢᠯᠳᠦᠬᠦᠯᠦᠨ᠎ᠡ᠃.43. ᠨᠠᠢᠮᠠᠨ ᠴᠢᠳᠠᠪᠤᠷᠢ᠄  ᠪᠦᠬᠦ ᠲᠠᠯ᠎ᠠ ᠪᠠᠷ ᠲᠥᠷᠥ ᠪᠠᠷᠢᠬᠤ ᠴᠢᠳᠠᠪᠤᠷᠢ᠂ ᠤᠯᠤᠰ ᠲᠥᠷᠥ ᠪᠠᠷ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨᠡᠴᠢᠯᠡᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠬᠦ ᠴᠢᠳᠠᠪᠤᠷᠢ᠂ ᠬᠠᠤᠯᠢ ᠶᠢ ᠬᠡᠷᠡᠭᠵᠢᠭᠦᠯᠵᠦ  ᠵᠠᠰᠠᠭ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂  ᠴᠢᠩᠭ᠎ᠠ ᠠᠳᠬᠤᠵᠤ ᠬᠡᠷᠡᠭᠵᠢᠭᠦᠯᠬᠦ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号