2018 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2020/9/25
ᠨᠡᠷᠡᠰ ᠤᠨ ᠳᠠᠶᠢᠯᠪᠤᠷᠢ1. ᠰᠢᠨ᠎ᠡ ᠬᠥᠭᠵᠢᠯᠳᠡ ᠶᠢᠨ ᠣᠶᠢᠯᠠᠭᠠᠭᠳᠠᠬᠤᠨ᠄ ᠰᠢᠨ᠎ᠡ ᠶᠢ ᠡᠭᠦᠳᠬᠦ᠂ ᠵᠣᠬᠢᠴᠠᠩᠭᠤᠢ᠂ ᠪᠣᠬᠢᠷᠳᠣᠯ ᠥᠬᠡᠢ᠂ ᠴᠢᠯᠥᠬᠡᠲᠠᠢ ᠶᠠᠪᠣᠯᠴᠠᠬᠤ᠂ ᠬᠠᠮᠳᠣᠪᠠᠷ ᠡᠳ᠋ᠯᠡᠬᠦ ᠬᠥᠭᠵᠢᠯᠳᠡ ᠶᠢᠨ ᠣᠶᠢᠯᠠᠭᠠᠭᠳᠠᠬᠤᠨ ᠢ ᠵᠢᠭᠠᠵᠣ᠂ ᠪᠥᠬᠦ ᠲᠠᠯ᠎ᠠ ᠶᠢᠨ  ᠂ ᠥᠨᠳᠥᠰᠥᠨ᠂ ᠣᠷᠳᠣ ᠴᠠᠭ ᠤᠨ ᠵᠢᠯᠣᠭᠤᠳᠣᠬᠤ ᠣᠶᠢᠯᠡᠳᠣᠯ ᠲᠠᠢ᠂ ︽ᠠᠷᠪᠠᠨ ᠭᠤᠷᠪᠠᠳᠣᠭᠠᠷ ᠲᠠᠪᠣᠨ ᠵᠢᠯ︾  ᠤᠨ ᠲᠥᠯᠥᠪᠵᠢᠭᠦᠯᠬᠡ ᠵᠢᠴᠢ ᠨᠡᠩ ᠣᠷᠳᠣ ᠬᠤᠭᠤᠴᠠᠭᠠᠨ ᠤ ᠮᠠᠨ ᠤ ᠣᠯᠣᠰ ᠤᠨ ᠬᠥᠭᠵᠢᠯᠳᠡ ᠶᠢᠨ ᠰᠡᠳᠬᠢᠴᠡ᠂ ᠴᠢᠭᠯᠡᠯ ᠪᠠ ᠬᠥᠴᠥᠯᠡᠬᠦ ᠴᠡᠭ ᠢ ᠳᠣᠳᠣᠳᠬᠠᠪᠠ᠃2. ︽ᠠ ᠳ᠋ᠥ᠋︾ ᠠᠯᠠᠰᠢᠨ ᠬᠤᠨᠢ᠄ ᠠᠯᠠᠱᠠ ᠳ᠋ᠥ᠋ ᠪᠥᠸᠧ ᠬᠤᠨᠢ ᠶᠢᠨ ᠲᠥᠭᠦᠮ ᠨᠡᠷᠡᠶᠢᠳᠣᠯ᠂ ᠨᠣᠳᠤᠭ ᠤᠨ ᠬᠤᠨᠢ ᠂ ᠣᠬᠤᠷ ᠰᠡᠭᠦᠯᠳᠥ ᠬᠤᠨᠢ ᠪᠠ ᠠᠥ᠋ᠰᠲᠷᠢᠶ᠎ᠠ ᠶᠢᠨ ᠴᠠᠭᠠᠨ ᠲᠣᠯᠣᠭᠠᠶᠢᠳᠣ ᠳ᠋ᠥ᠋ ᠪᠥᠸᠧ ᠬᠤᠨᠢ ᠵᠡᠷᠬᠡ ᠭᠤᠷᠪᠠᠨ ᠲᠥᠷᠥᠯ ᠤᠨ ᠬᠤᠨᠢ ᠶᠢ ᠡᠷᠯᠢᠰᠵᠢᠭᠦᠯᠥᠭᠰᠡᠨ ᠤ ᠳᠠᠷᠠᠭᠠᠬᠢ ᠰᠢᠨ᠎ᠡ ᠡᠭᠦᠯᠳᠡᠷ ᠢ ᠬᠡᠯᠡᠨ᠎ᠡ᠃3.1396᠂ 1450 ᠪᠣᠯ᠄ ᠥᠨᠳᠥᠷ ᠴᠢᠨᠠᠷᠯᠢᠭᠳᠣ ᠢᠮᠠᠭᠠᠨ ᠨᠣᠯᠣᠣᠷ ᠤᠨ ᠨᠢᠬᠡ ᠲᠥᠷᠥᠯ ᠤᠨ ᠪᠠᠷᠢᠮᠵᠢᠶ᠎ᠠ᠂13 ᠂14 ᠨᠢ ᠢᠮᠠᠭᠠᠨ ᠨᠣᠯᠣᠣᠷ ᠤᠨ ᠰᠢᠷᠬᠡᠭ ᠤᠨ ᠬᠡᠮᠵᠢᠶ᠎ᠡ ᠶᠢ ᠵᠢᠭᠠᠵᠣ᠂ ᠮᠢᠺᠷᠣᠨ ᠢᠶᠠᠷ ᠨᠢᠬᠡᠴᠢ ᠪᠣᠯᠭᠠᠳᠠᠭ᠃ 96᠂ 50 ᠨᠢ ᠢᠮᠠᠭᠠᠨ ᠨᠣᠯᠣᠣᠷ ᠤᠨ ᠣᠷᠳᠣ ᠶᠢᠨ ᠬᠡᠮᠵᠢᠶ᠎ᠡ ᠶᠢ ᠲᠥᠯᠥᠬᠡᠯᠡᠵᠣ᠂ ᠮᠢᠺᠷᠣᠨ ᠢᠶᠠᠷ ᠨᠢᠬᠡᠴᠢ ᠪᠣᠯᠭᠠᠳᠠᠭ᠃4. ᠣᠶᠢᠯᠡᠳᠪᠣᠷᠢᠯᠡᠯ᠂ ᠰᠣᠷᠣᠯᠴᠠᠭ᠎ᠠ᠂ ᠰᠣᠳᠣᠯᠭᠠᠨ᠄ ᠠᠵᠣ ᠣᠶᠢᠯᠡᠰ᠂ ᠰᠣᠷᠭᠠᠭᠤᠯᠢ᠂ ᠰᠣᠳᠣᠯᠭᠠᠨ ᠤ ᠪᠠᠶᠢᠭᠤᠯᠣᠮᠵᠢ ᠵᠡᠷᠬᠡ ᠨᠢᠬᠡᠴᠡ ᠬᠠᠷᠢᠯᠴᠠᠨ ᠬᠠᠮᠳᠣᠷᠠᠯᠴᠠᠵᠣ᠂ ᠥᠪᠡᠷ ᠤᠨ ᠳᠠᠪᠠᠭᠤᠯᠢᠭ ᠢᠶᠠᠨ ᠪᠠᠳᠠᠷᠠᠭᠤᠯᠣᠨ᠂ ᠰᠣᠳᠣᠯᠭᠠᠨ᠂ ᠨᠡᠬᠡᠬᠡᠯᠳᠡ᠂ ᠣᠶᠢᠯᠡᠳᠪᠣᠷᠢᠯᠡᠯ ᠢ ᠨᠢᠬᠡ ᠴᠣᠭᠴᠡᠵᠢᠭᠤᠯᠣᠭᠰᠠᠨ ᠲᠡᠷᠢᠭᠦᠨ ᠤ ᠰᠢᠰᠲ᠋ᠧᠮ ᠢ ᠪᠥᠷᠢᠯᠳᠥᠭᠦᠯᠥᠨ᠂ ᠠᠰᠢᠭᠯᠠᠯᠳᠠ ᠶᠢᠨ ᠶᠠᠪᠣᠴᠠ ᠳᠣᠮᠳᠠ ᠪᠠᠨ ᠶᠡᠷᠥᠩᠬᠡᠶᠢᠯᠡᠰᠡᠨ ᠳᠠᠪᠠᠭᠤᠯᠢᠭ ᠢᠶᠠᠨ ᠢᠯᠡᠷᠡᠭᠦᠯᠥᠨ᠎ᠡ᠃5.ᠣᠶᠣᠨᠯᠢᠭ ᠵᠢᠭᠤᠯᠴᠢᠯᠠᠯᠳᠣ ᠠᠯᠠᠱᠠ ᠵᠡᠭᠦᠨ ᠬᠤᠰᠢᠭᠤ᠄ ᠠᠯᠠᠱᠠ ᠵᠡᠭᠦᠨ ᠬᠤᠰᠢᠭᠤᠨ ᠤ ᠵᠢᠭᠤᠯᠴᠢᠯᠠᠯ ᠤᠨ ᠨᠡᠷᠡᠳᠣ ᠳᠡᠮᠳᠡᠭ ᠢ ᠥᠷᠬᠡᠳᠬᠡᠨ ᠳᠦᠬᠡᠮᠡᠯᠵᠢᠬᠦᠯᠬᠦ᠂ ᠰᠣᠯᠢᠯᠴᠡᠨ ᠨᠡᠪᠳᠡᠷᠡᠯᠴᠡᠭᠰᠡᠨ ᠪᠠ ᠵᠢᠭᠤᠯᠴᠢᠯᠠᠯ ᠤᠨ ᠣᠶᠢᠯᠡᠴᠢᠯᠡᠭᠡ ᠶᠢ ᠨᠢᠬᠡ ᠴᠣᠭᠴᠠᠵᠢᠭᠤᠯᠣᠭᠰᠠᠨ ᠰᠢᠯᠵᠢᠮᠡᠯ ᠲᠣᠣᠷ ᠰᠥᠯᠵᠢᠶᠡᠨ ᠤ  ᠸᠢᠴᠡᠲ ᠶᠢᠨ ᠣᠯᠠᠨ ᠨᠡᠶᠢᠳᠡ  ᠶᠢᠨ ᠲᠠᠪᠴᠠᠩ ᠢ ᠬᠡᠯᠡᠨ᠎ᠡ᠃6. ᠪᠥᠬᠦ ᠬᠥᠷᠢᠶ᠎ᠡ ᠴᠠᠷ᠎ᠠ ᠶᠢᠨ ᠵᠢᠭᠤᠯᠴᠢᠯᠠᠯ᠄ ᠲᠣᠭᠳᠠᠭᠰᠠᠨ ᠣᠷᠣᠨ ᠪᠥᠰᠡ ᠲᠣᠳᠣᠷ᠎ᠠ᠂ ᠵᠢᠭᠤᠯᠴᠢᠯᠠᠯ ᠢᠶᠠᠷ ᠳᠠᠪᠠᠭᠤᠯᠢᠭ ᠠᠵᠣ ᠣᠶᠢᠯᠡᠰ ᠢᠶᠠᠨ ᠪᠣᠯᠭᠠᠵᠣ᠂ ᠣᠷᠣᠨ ᠪᠥᠰᠡ ᠶᠢᠨ ᠳᠣᠳᠣᠷᠠᠬᠢ ᠠᠵᠣ ᠠᠬᠤᠢ ᠨᠡᠶᠢᠬᠡᠮ ᠤᠨ ᠡᠬᠢ ᠰᠣᠷᠪᠣᠯᠵᠢ᠂ ᠢᠯᠠᠩᠭᠤᠶ᠎ᠡ ᠵᠢᠭᠤᠯᠴᠢᠯᠠᠯ ᠤᠨ ᠡᠬᠢ ᠰᠣᠷᠪᠣᠯᠵᠢ᠂ ᠬᠠᠮᠢᠶ᠎ᠠ ᠪᠥᠭᠦᠢ ᠠᠵᠣ ᠣᠶᠢᠯᠡᠰ  ᠂ ᠠᠮᠢ ᠠᠬᠤᠢ ᠣᠷᠴᠢᠨ ᠲᠣᠭᠤᠷᠢᠠ᠂ ᠨᠡᠶᠢᠳᠡ ᠶᠢᠨ ᠣᠶᠢᠯᠡᠴᠢᠯᠡᠭᠡ᠂ ᠪᠥᠳᠥᠴᠡ ᠲᠣᠭᠳᠠᠯᠴᠠᠭ᠎ᠠ᠂ ᠲᠥᠷᠥ ᠶᠢᠨ ᠪᠣᠳᠣᠯᠭ᠎ᠠ ᠬᠠᠣᠯᠢ ᠲᠣᠭᠳᠠᠭᠠᠯ᠂ ᠪᠣᠯᠪᠠᠰᠣᠨ ᠬᠡᠪ ᠰᠣᠷᠳᠠᠯ ᠵᠡᠷᠬᠡ ᠲᠠᠯ᠎ᠠ ᠳᠤ ᠪᠥᠬᠦ ᠲᠠᠯ ᠶᠢ᠂ ᠰᠢᠰᠲ᠋ᠧᠮᠳᠣ ᠪᠠᠷ ᠰᠢᠯᠢᠳᠡᠭᠵᠢᠭᠦᠯᠥᠨ ᠳᠡᠬᠡᠭᠰᠢᠯᠡᠭᠦᠯᠥᠨ᠎ᠡ᠃7. ︽ᠵᠢᠷᠭᠤᠭᠠᠨ ᠬᠤᠳᠠ ᠶᠢ ᠬᠠᠮᠳᠣᠪᠠᠷ ᠴᠣᠭᠴᠠᠯᠠᠬᠤ︾᠄ ᠣᠯᠣᠰ ᠤᠨ ᠪᠣᠯᠪᠠᠰᠣᠨ ᠬᠤᠳᠠ᠂ ᠣᠯᠣᠰ ᠤᠨ ᠡᠷᠡᠭᠦᠯ ᠬᠠᠮᠠᠭᠠᠯᠠᠯ ᠤᠨ ᠰᠢᠶᠠᠨ ᠬᠤᠳᠠ᠂ ᠣᠯᠣᠰ ᠤᠨ ᠴᠡᠴᠡᠷᠯᠢᠭᠳᠦ ᠰᠢᠶᠠᠨ ᠬᠤᠳᠠ᠂ ᠣᠯᠣᠰ ᠤᠨ ᠬᠤᠶᠠᠷ ᠢ ᠬᠥᠷᠢᠶᠡᠯᠡᠬᠦ ᠵᠢᠱᠢᠶ᠎ᠡ ᠥᠵᠡᠭᠦᠯᠬᠦ ᠬᠤᠳᠠ᠂ ᠣᠯᠣᠰ ᠤᠨ ᠪᠥᠬᠦ ᠬᠥᠷᠢᠶ᠎ᠡ ᠴᠠᠷ᠎ᠠ ᠶᠢᠨ ᠵᠢᠭᠤᠯᠴᠢᠯᠠᠯ ᠤᠨ ᠵᠢᠱᠢᠶ᠎ᠡ ᠥᠵᠡᠭᠦᠯᠬᠦ ᠣᠷᠣᠨ ᠪᠠ  ᠥᠪᠡᠷᠳᠡᠬᠡᠨ ᠵᠠᠰᠠᠬᠤ ᠣᠷᠣᠨ ᠤ ᠥᠨᠳᠥᠰᠥᠳᠡᠨ ᠤ ᠪᠥᠯᠬᠦᠮᠳᠡᠯ ᠤᠨ ᠳᠠᠪᠰᠢᠯᠳᠠᠳᠣ ᠵᠢᠱᠢᠶ᠎ᠡ ᠥᠵᠡᠭᠦᠯᠬᠦ ᠬᠤᠰᠢᠭᠤ ᠪᠠᠶᠢᠭᠤᠯᠬᠤ ᠶᠢ ᠬᠡᠯᠡᠨ᠎ᠡ᠃8. ︽1+9︾ ᠬᠤᠳᠠ ᠶᠢᠨ ᠬᠠᠮᠢᠶᠠᠷᠥᠯᠳᠠ ᠶᠢᠨ ᠬᠠᠣᠯᠢ ᠬᠡᠷᠡᠭᠵᠢᠭᠦᠯᠥᠯᠳᠡ ᠶᠢᠨ ᠬᠡᠯᠪᠡᠷᠢ᠄ ᠠᠯᠠᠱᠠ ᠵᠡᠭᠦᠨ ᠬᠤᠰᠢᠭᠤᠨ ᠤ ᠬᠤᠳᠠ ᠶᠢᠨ ᠬᠠᠮᠢᠶᠠᠷᠥᠯᠳᠠ ᠶᠢᠨ ᠲᠣᠪᠴᠢᠶᠡᠨ ᠤ ᠰᠠᠭᠤᠷᠢᠨ ᠳᠡᠬᠡᠷ᠎ᠡ᠂ ᠣᠷᠣᠨ ᠰᠠᠭᠤᠴᠠ᠂ ᠣᠷᠴᠢᠨ ᠲᠣᠭᠤᠷᠢᠨ ᠤ ᠬᠠᠮᠠᠭᠠᠯᠠᠯᠳᠠ᠂ ᠣᠰᠣᠨ ᠤ ᠶᠠᠪᠣᠳᠠᠯ᠂ ᠵᠠᠮ ᠬᠠᠷᠢᠯᠴᠠᠭᠠᠨ ᠤ ᠴᠠᠭᠳᠠᠭ᠎ᠠ᠂ ᠵᠠᠬ᠎ᠠ ᠳᠡᠯᠬᠡᠭᠦᠷ  ᠤᠨ ᠬᠢᠨᠠᠨ ᠬᠠᠮᠢᠶᠠᠷᠥᠯᠳᠠ᠂ ᠡᠷᠡᠭᠦᠯ ᠬᠠᠮᠠᠭᠠᠯᠠᠯ᠂ ᠢᠳᠡᠬᠡᠨ ᠤ ᠵᠣᠶᠢᠯ ᠡᠮ ᠤᠨ ᠵᠣᠶᠢᠯᠡᠰ ᠤᠨ ᠬᠢᠨᠠᠨ ᠬᠠᠮᠢᠶᠠᠷᠥᠯᠳᠠ ᠂ ᠥᠨᠳᠥᠰᠥᠳᠡᠨ ᠤ ᠬᠡᠷᠡᠭ ᠡᠷᠬᠢᠯᠡᠬᠦ᠂ ᠠᠷᠠᠳ ᠤᠨ ᠶᠠᠪᠣᠳᠠᠯ ᠵᠡᠷᠬᠡ ᠶᠢᠰᠥᠨ ᠬᠥᠷᠢᠶ᠎ᠡ ᠬᠡᠪᠴᠢᠶ᠎ᠡ ᠳᠠᠬᠢ ᠵᠠᠰᠠᠭ ᠪᠠᠷᠢᠨ ᠬᠠᠣᠯᠢ ᠬᠡᠷᠡᠭᠵᠢᠭᠦᠯᠬᠦ ᠪᠠ ᠬᠢᠨᠠᠨ ᠪᠠᠶᠢᠴᠠᠭᠠᠬᠤ ᠡᠭᠦᠷᠬᠡ ᠲᠣᠰᠢᠶᠠᠯ ᠢ ᠬᠠᠮᠳᠣᠳᠬᠠᠵᠣ᠂ ︽1+9︾ ᠬᠤᠳᠠ  ᠶᠢᠨ ᠶᠡᠷᠥᠩᠬᠡᠶᠢᠯᠡᠭᠰᠡᠨ ᠬᠠᠮᠢᠶᠠᠷᠥᠯᠳᠠ ᠶᠢᠨ ᠬᠠᠣᠯᠢ ᠬᠡᠷᠡᠭᠵᠢᠭᠦᠯᠬᠦ ᠲᠣᠭᠳᠠᠯᠴᠠᠭ᠎ᠠ ᠶᠢ ᠪᠣᠢ ᠪᠣᠯᠭᠠᠨ᠎ᠠ᠃9. ᠶᠠᠳᠠᠭᠤ ᠠᠴᠠ ᠠᠩᠬᠢᠵᠢᠷᠠᠭᠤᠯᠬᠤ ᠳᠠᠭᠠᠳᠬᠠᠯ᠄ ᠠᠯᠠᠱᠠ ᠵᠡᠭᠦᠨ ᠬᠤᠰᠢᠭᠤᠨ ᠤ ᠵᠠᠰᠠᠭ ᠤᠨ ᠣᠷᠳᠣᠨ ᠠᠴᠠ ᠣᠨᠣᠪᠴᠢᠲᠠᠢ ᠪᠠᠷ ᠶᠠᠳᠠᠭᠤ ᠶᠢ ᠳᠡᠳᠬᠦᠬᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠢ ᠪᠠᠳᠣᠲᠠᠢ ᠪᠠᠷ ᠲᠥᠯᠬᠢᠨ ᠠᠬᠢᠭᠤᠯᠬᠤ᠂ ᠳᠠᠭᠠᠳᠬᠠᠯ ᠤᠨ ᠶᠠᠳᠠᠭᠤ ᠠᠴᠠ ᠠᠩᠬᠢᠵᠢᠷᠠᠭᠤᠯᠬᠤ ᠪᠣᠭᠤᠮᠳᠠ ᠶᠢ ᠰᠢᠪᠳᠥᠯᠬᠤ ᠲᠠᠯ᠎ᠠ ᠶᠢ ᠳᠡᠮᠵᠢᠬᠦ ᠢᠳᠡᠪᠬᠢᠲᠠᠢ ᠣᠶᠢᠯᠡᠳᠥᠯ ᠢ ᠪᠠᠳᠠᠷᠠᠭᠤᠯᠬᠤ ᠪᠠᠷ ᠶᠠᠳᠠᠭᠤ ᠬᠥᠴᠢᠷᠳᠡᠯᠲᠠᠢ ᠬᠥᠮᠥᠰ ᠲᠤ ᠠᠪᠴᠣ ᠥᠭᠭᠦᠭᠰᠡᠨ ᠬᠤᠳᠠᠯᠳᠣᠭᠠᠨ ᠤ ᠳᠠᠭᠠᠳᠬᠠᠯ ᠢ ᠬᠡᠯᠡᠨ᠎ᠡ᠃ ᠳᠠᠭᠠᠳᠬᠠᠯ ᠤᠨ ᠲᠥᠷᠥᠯ ᠵᠣᠶᠢᠯ ᠳᠤ ᠡᠮᠴᠢᠯᠡᠬᠡᠨ ᠤ ᠳᠠᠭᠠᠳᠬᠠᠯ ᠢ ᠨᠥᠬᠦᠪᠥᠷᠢᠯᠡᠬᠦ᠂ ᠬᠥᠨᠳᠥ ᠶᠡᠭᠡ ᠡᠪᠡᠳᠴᠢᠨ ᠲᠠᠬᠤᠯ ᠤᠨ ᠠᠩᠬᠠᠨ ᠤ ᠣᠨᠣᠰᠢᠯᠠᠯᠳᠠ ᠶᠢᠨ ᠳᠠᠭᠠᠳᠬᠠᠯ᠂ ᠬᠡᠨᠡᠳᠡᠯ  ᠢᠶᠠᠷ ᠨᠠᠰᠣ ᠨᠥᠭᠴᠢᠬᠦ ᠪᠠ ᠰᠢᠷᠬᠠᠳᠣᠨ ᠵᠡᠮᠳᠡᠭ ᠪᠣᠯᠬᠤ ᠳᠤ ᠨᠥᠬᠦᠪᠥᠷᠢᠯᠡᠬᠦ ᠭᠤᠷᠪᠠᠨ ᠳᠠᠭᠠᠳᠬᠠᠯ ᠪᠠᠭᠳᠠᠨ᠎ᠠ᠃10. ᠠᠮᠢ ᠠᠬᠤᠢ ᠣᠷᠴᠢᠨ ᠲᠣᠭᠤᠷᠢᠨ ᠤ ︽1+7︾ ᠬᠡᠯᠪᠡᠷᠢ ᠶᠢᠨ ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠥᠯᠳᠡ ᠄ ᠲᠠᠷᠢᠶᠠᠯᠠᠩ ᠮᠠᠯ ᠠᠵᠣ ᠠᠬᠤᠢ ᠶᠢᠨ ᠲᠣᠪᠴᠢᠶ᠎ᠡ᠂ ᠣᠰᠣᠨ ᠶᠠᠪᠣᠳᠠᠯ ᠤᠨ ᠲᠣᠪᠴᠢᠶ᠎ᠡ᠂ ᠣᠯᠣᠰ ᠤᠨ ᠭᠠᠵᠠᠷ ᠰᠢᠷᠥᠢ ᠶᠢᠨ ᠲᠣᠪᠴᠢᠶ᠎ᠡ᠂ ᠣᠢ ᠶᠢᠨ ᠶᠠᠪᠣᠳᠠᠯ ᠤᠨ ᠲᠣᠪᠴᠢᠶ᠎ᠡ᠂ ᠠᠷᠠᠳ ᠤᠨ ᠶᠠᠪᠣᠳᠠᠯ ᠤᠨ ᠲᠣᠪᠴᠢᠶ᠎ᠡ᠂ ᠥᠨᠳᠥᠰᠥᠳᠡᠨ ᠤ ᠬᠡᠷᠡᠭ ᠡᠷᠬᠢᠯᠡᠬᠦ ᠲᠣᠪᠴᠢᠶ᠎ᠡ᠂ ᠰᠣᠶᠣᠯ ᠵᠢᠭᠤᠯᠴᠢᠯᠠᠯ ᠤᠨ ᠲᠣᠪᠴᠢᠶ᠎ᠡ ᠶᠢᠨ ᠬᠡᠰᠡᠭ ᠵᠠᠰᠠᠭ ᠪᠠᠷᠢᠨ ᠬᠠᠣᠯᠢ ᠬᠡᠷᠡᠭᠵᠢᠭᠦᠯᠬᠦ ᠴᠢᠳᠠᠮᠵᠢ ᠶᠢ ᠨᠢᠬᠡᠳᠬᠡᠬᠦ ᠶᠢ ᠵᠢᠭᠠᠨ᠎ᠠ᠃ ᠠᠯᠠᠱᠠ ᠵᠡᠭᠦᠨ ᠬᠤᠰᠢᠭᠤᠨ ᠤ  ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠥᠯᠳᠠ ᠶᠢᠨ ᠶᠡᠷᠥᠩᠬᠡᠶᠢᠯᠡᠭᠰᠡᠨ ᠵᠠᠰᠠᠭ ᠪᠠᠷᠢᠨ ᠬᠠᠣᠯᠢ ᠬᠡᠷᠡᠭᠵᠢᠭᠦᠯᠥᠯᠳᠡ ᠶᠢᠨ ᠲᠣᠪᠴᠢᠶ᠎ᠡ ᠶᠢ ᠪᠠᠶᠢᠭᠤᠯᠵᠣ᠂ ︽1+7︾ ᠬᠡᠯᠪᠡᠷᠢ ᠶᠢᠨ ᠶᠡᠷᠥᠩᠬᠡᠶᠢᠯᠡᠭᠰᠡᠨ ᠬᠠᠣᠯᠢ ᠬᠡᠷᠡᠭᠵᠢᠭᠦᠯᠥᠯᠳᠡ   ᠶᠢᠨ ᠲᠣᠭᠳᠠᠯᠴᠠᠭ᠎ᠠ ᠶᠢ ᠪᠦᠷᠢᠯᠳᠦᠬᠦᠯᠪᠡ᠃11. ᠭᠤᠣᠯ ᠤᠨ ᠲᠠᠷᠤᠭ᠎ᠠ ᠶᠢᠨ ᠲᠥᠷᠢᠮ᠂ ᠨᠠᠭᠤᠷ ᠤᠨ ᠳᠠᠷᠤᠭ᠎ᠠ ᠶᠢᠨ ᠲᠥᠷᠢᠮ  ᠄  ᠡᠯ᠎ᠡ ᠱᠠᠳᠣᠨ ᠤ ᠨᠠᠮ ᠵᠠᠰᠠᠭ ᠤᠨ ᠭᠤᠣᠯ ᠬᠠᠷᠢᠭᠤᠴᠠᠯᠭᠠᠳᠠᠨ ︽ᠭᠤᠣᠯ ᠤᠨ ᠲᠠᠷᠤᠭ᠎ᠠ  ︾᠂ ︽ᠨᠠᠭᠤᠷ ᠤᠨ ᠳᠠᠷᠤᠭ᠎ᠠ  ︾   ᠶᠢᠨ ᠲᠣᠰᠢᠶᠠᠯ ᠢ ᠡᠭᠦᠷᠬᠡᠯᠡᠵᠥ᠂ ᠬᠠᠮᠢᠶ᠎ᠠ ᠪᠥᠬᠦᠢ ᠭᠤᠣᠯ ᠨᠠᠭᠤᠷ ᠤᠨ ᠬᠠᠮᠢᠶᠠᠷᠥᠯᠳᠠ ᠪᠠ ᠬᠠᠮᠠᠭᠠᠯᠠᠯᠳᠠ ᠶᠢᠨ ᠠᠵᠢᠯ ᠢ ᠵᠣᠬᠢᠶᠠᠨ ᠪᠠᠶᠢᠭᠤᠯᠣᠨ ᠣᠳᠣᠷᠢᠳᠬᠤ ᠶᠢ ᠬᠠᠷᠢᠭᠤᠴᠠᠨ᠎ᠠ᠃12. ᠬᠤᠳᠠ ᠬᠥᠳᠡᠬᠡᠨ ᠤ ᠰᠠᠭᠤᠭᠠᠯᠢ ᠠᠷᠠᠳ ᠤᠨ ᠡᠮᠴᠢᠯᠡᠬᠡᠨ ᠤ ᠳᠠᠭᠠᠳᠬᠠᠯ ᠤᠨ ︽ᠵᠢᠷᠭᠤᠭᠠᠨ ᠨᠢᠬᠡᠳᠥᠯ︾᠄ ᠣᠯᠣᠰ ᠤᠨ ᠶᠠᠪᠣᠳᠠᠯ ᠤᠨ ᠬᠤᠷᠢᠶ᠎ᠠ ᠠᠴᠠ ᠳᠠᠷᠣᠮᠯᠠᠨ ᠲᠠᠷᠬᠠᠭᠠᠭᠰᠠᠨ ︽ᠬᠤᠳᠠ ᠬᠥᠳᠡᠬᠡᠨ ᠤ ᠰᠠᠭᠤᠭᠠᠯᠢ ᠠᠷᠠᠳ  ᠤᠨ ᠥᠨᠳᠥᠰᠥᠨ ᠡᠮᠴᠢᠯᠡᠬᠡᠨ ᠤ ᠳᠠᠭᠠᠳᠬᠠᠯ ᠤᠨ ᠲᠥᠷᠢᠮ ᠢ ᠨᠢᠬᠡᠳᠬᠡᠬᠦ ᠲᠣᠬᠠᠢ ᠰᠠᠨᠠᠯ︾   ᠠᠴᠠ᠂ ᠬᠤᠳᠠ ᠬᠥᠳᠡᠬᠡᠨ ᠤ ᠰᠠᠭᠤᠭᠠᠯᠢ ᠠᠷᠠᠳ ᠤᠨ ᠥᠨᠳᠥᠰᠥᠨ ᠡᠮᠴᠢᠯᠡᠬᠡᠨ ᠤ ᠳᠠᠭᠠᠳᠬᠠᠯ ᠤᠨ ᠲᠥᠷᠢᠮ ᠢ ᠨᠢᠬᠡᠳᠬᠡᠬᠦ ᠲᠥᠷᠥ  ᠶᠢᠨ ᠪᠣᠳᠣᠯᠭ᠎ᠠ ᠳᠤ ︽ᠵᠢᠷᠭᠤᠭᠠᠨ ᠨᠢᠬᠡᠳᠥᠯ︾ ᠤᠨ ᠱᠠᠭᠠᠷᠳᠠᠯᠭ᠎ᠠ ᠶᠢ ᠳᠣᠳᠣᠷᠬᠠᠢ ᠳᠣᠷᠠᠳᠣᠪᠠ᠄ ᠨᠢᠬᠡ ᠳᠤ ᠪᠥᠷᠭᠦᠴᠡ ᠶᠢᠨ ᠬᠡᠪᠴᠢᠶ᠎ᠡ ᠶᠢ ᠨᠢᠬᠡᠳᠬᠡᠵᠣ᠂ ᠬᠤᠶᠠᠷ ᠲᠤ ᠪᠡᠯᠡ ᠬᠤᠷᠠᠮᠳᠣᠭᠤᠯᠬᠤ ᠲᠥᠷᠥ ᠶᠢᠨ ᠪᠣᠳᠣᠯᠭ᠎ᠠ ᠶᠢ ᠨᠢᠬᠡᠳᠬᠡᠵᠣ᠂ ᠭᠤᠷᠪᠠ ᠳᠤ ᠪᠠᠳᠣᠯᠠᠭᠠᠨ ᠤ ᠬᠠᠷᠠᠮᠵᠢ ᠶᠢ ᠨᠢᠬᠡᠳᠬᠡᠵᠣ᠂ ᠲᠥᠷᠪᠡ ᠳᠤ ᠡᠮᠴᠢᠯᠡᠬᠡᠨ ᠤ ᠳᠠᠭᠠᠳᠬᠠᠯ  ᠤᠨ ᠲᠥᠷᠥᠯ ᠵᠣᠶᠢᠯ ᠢ ᠨᠢᠬᠡᠳᠬᠡᠵᠣ᠂ ᠲᠠᠪᠤ ᠳᠤ ᠲᠣᠭᠳᠠᠮᠠᠯ ᠭᠠᠵᠠᠷ ᠤᠨ ᠬᠠᠮᠢᠶᠠᠷᠥᠯᠳᠠ ᠶᠢ ᠨᠢᠬᠡᠳᠬᠡᠵᠣ᠂ ᠵᠢᠷᠭᠤᠭ᠎ᠠ ᠳᠤ ᠰᠠᠭᠤᠷᠢ ᠮᠥᠩᠬᠦ ᠶᠢᠨ ᠬᠠᠮᠢᠶᠠᠷᠥᠯᠳᠠ ᠶᠢ ᠨᠢᠬᠡᠳᠬᠡᠪᠡ᠃13. ︽ᠢᠯᠡ ᠴᠡᠪᠡᠷ ᠲᠣᠭᠤᠭᠠᠨ ᠬᠡᠷ︾᠄ ᠵᠣᠴᠢᠳ ᠢᠳᠡᠬᠡᠨ ᠣᠮᠳᠠᠭᠠᠨ ᠤ ᠠᠵᠣ ᠣᠶᠢᠯᠡᠰ ᠳᠠᠬᠢ ᠲᠣᠭᠤᠭᠠᠨ ᠬᠡᠷ ᠤᠨ ᠠᠵᠢᠯᠯᠠᠭ᠎ᠠ ᠲᠥᠷᠢᠮᠵᠢᠭᠰᠡᠨ ᠡᠰᠡᠬᠦ᠂ ᠠᠷᠢᠭᠤᠨ ᠴᠡᠪᠡᠷ ᠬᠢᠷᠢ ᠲᠡᠩᠴᠡᠭᠰᠡᠨ ᠡᠰᠡᠬᠦ᠂ ᠵᠣᠬᠢᠮᠵᠢ ᠥᠬᠡᠢ ᠪᠣᠳᠠᠰ ᠪᠠᠶᠢᠬᠤ ᠡᠰᠡᠬᠦ ᠶᠢ ᠰᠢᠭᠤᠳ ᠣᠯᠵᠣ ᠬᠠᠷᠠᠬᠤ ᠶᠢ ᠬᠡᠯᠡᠨ᠎ᠡ᠃ ᠢᠯᠡ ᠴᠡᠪᠡᠷ ᠲᠣᠭᠤᠭᠠᠨ ᠬᠡᠷ ᠪᠣᠯ ᠢᠳᠡᠬᠡᠨ ᠣᠮᠳᠠᠭᠠᠨ ᠤ ᠠᠵᠣ ᠣᠶᠢᠯᠡᠰ ᠤᠨ ᠠᠵᠢᠯᠳᠠᠳ ᠲᠤ ᠬᠡᠷᠡᠭᠵᠢᠭᠦᠯᠥᠭᠰᠡᠨ ᠬᠢᠨᠠᠨ ᠬᠠᠮᠢᠶᠠᠷᠥᠯᠳᠠ ᠪᠣᠯᠣᠨ᠎ᠠ᠃14. ᠴᠡᠷᠢᠭ ᠠᠷᠠᠳ ᠣᠶᠠᠯᠳᠣᠨ ᠬᠥᠭᠵᠢᠬᠦ ᠪᠠᠶᠢᠯᠳᠣᠬᠤ ᠪᠣᠳᠣᠯᠭ᠎ᠠ᠄ ᠰᠢ ᠶᠢᠨ ᠫᠢᠩ ᠶᠡᠷᠥᠩᠬᠡᠢ ᠱᠥᠵᠢ ᠠᠷᠪᠠᠨ ᠬᠤᠶᠠᠳᠣᠭᠠᠷ ᠬᠤᠭᠤᠴᠠᠭᠠᠨ ᠤ ᠪᠥᠬᠦ ᠣᠯᠣᠰ ᠤᠨ ᠠᠷᠠᠳ ᠤᠨ ᠲᠥᠯᠥᠬᠡᠯᠡᠭᠴᠢᠳ ᠤᠨ ᠭᠤᠷᠪᠠᠳᠣᠭᠠᠷ ᠣᠳᠠᠭᠠᠨ ᠤ ᠬᠤᠷᠠᠯᠳᠣᠭᠠᠨ ᠤ ᠠᠷᠠᠳ ᠤᠨ ᠴᠢᠯᠥᠬᠡᠯᠡᠬᠦ ᠴᠡᠷᠢᠭ ᠤᠨ ᠲᠥᠯᠥᠬᠡᠯᠡᠭᠴᠢᠳ ᠤᠨ ᠪᠥᠯᠬᠦᠮ ᠤᠨ ᠪᠦᠬᠦ ᠬᠡᠰᠢᠬᠦᠳ ᠤᠨ ᠬᠤᠷᠠᠯ ᠳᠤ ᠣᠷᠣᠯᠴᠠᠬᠤ ᠳᠤ ᠪᠠᠨ ᠳᠣᠷᠠᠳᠣᠭᠰᠠᠨ ᠨᠢ᠂ ᠴᠡᠷᠢᠭ ᠠᠷᠠᠳ ᠣᠶᠠᠯᠳᠣᠨ ᠬᠥᠭᠵᠢᠬᠦ ᠪᠠᠶᠢᠯᠳᠣᠬᠤ ᠪᠣᠳᠣᠯᠭ᠎ᠠ ᠶᠢ ᠬᠥᠨᠵᠡᠬᠡᠢ ᠬᠡᠷᠡᠭᠵᠢᠭᠦᠯᠵᠥ᠂ ᠠᠰᠠᠭᠤᠳᠠᠯ ᠤᠨ ᠣᠳᠣᠷᠢᠳᠣᠮᠵᠢ ᠶᠢ ᠪᠠᠷᠢᠮᠳᠠᠯᠠᠨ᠂ ᠪᠣᠳᠣᠯ ᠰᠡᠳᠬᠢᠴᠡ ᠠᠷᠭ᠎ᠠ ᠪᠠᠷᠢᠯ ᠢ ᠠᠪᠴᠤ᠂ ᠣᠷᠬᠢᠯᠥᠮ᠎ᠡ ᠬᠠᠯᠠᠭᠤᠨ ᠡᠭᠦᠷᠬᠡ ᠬᠠᠷᠢᠭᠤᠴᠠᠯᠭᠠᠳᠣ ᠣᠪᠣᠷ ᠢᠶᠠᠷ ᠠᠰᠠᠭᠤᠳᠠᠯ ᠢ ᠰᠢᠢᠳᠪᠣᠷᠢᠯᠡᠬᠦ ᠶᠢ ᠠᠬᠢᠭᠤᠯᠣᠨ᠂ ᠠᠵᠣ ᠠᠬᠤᠢ ᠶᠢᠨ ᠪᠥᠳᠥᠬᠡᠨ ᠪᠠᠶᠢᠭᠤᠯᠣᠯᠳᠠ ᠪᠠ ᠣᠯᠣᠰ ᠤᠨ ᠪᠠᠳᠣᠯᠠᠨ ᠬᠠᠮᠠᠭᠠᠯᠠᠯᠳᠠ ᠶᠢᠨ ᠪᠠᠶᠢᠭᠤᠯᠣᠯᠳᠠ ᠶᠢᠨ ᠬᠠᠷᠢᠴᠠᠭ᠎ᠠ ᠶᠢ ᠵᠥᠪ ᠪᠠᠷ ᠡᠵᠡᠮᠳᠡᠨ ᠰᠢᠢᠳᠪᠣᠷᠢᠯᠡᠵᠥ᠂ ᠬᠤᠶᠠᠭᠤᠯᠠ ᠶᠢ  ᠨᠢ ᠵᠣᠬᠢᠴᠠᠩᠭᠤᠢ᠂ ᠲᠡᠩᠴᠡᠭᠦᠷᠢᠲᠠᠢ᠂ ᠪᠠᠭᠳᠠᠭᠠᠮᠵᠢᠲᠠᠢ ᠬᠥᠭᠵᠢᠭᠦᠯᠥᠨ᠎ᠡ᠃15. ︽ᠲᠠᠯᠪᠢᠬᠤ᠂ ᠬᠠᠮᠢᠶᠠᠷᠬᠤ᠂ ᠣᠶᠢᠯᠡᠴᠢᠯᠡᠬᠦ︾᠄ ︽ᠲᠠᠯᠪᠢᠬᠤ︾ ᠬᠡᠳᠡᠭ ᠨᠢ ᠵᠠᠰᠠᠭ ᠢᠶᠠᠨ ᠴᠣᠮᠬᠠᠳᠬᠠᠵᠣ ᠡᠷᠬᠡ ᠪᠠᠨ ᠲᠠᠯᠪᠢᠨ᠂ ᠪᠠᠷᠢᠮᠵᠢᠶ᠎ᠠ ᠪᠠᠨ ᠲᠣᠷᠣᠭᠰᠢᠯᠠᠭᠤᠯᠣᠨ᠎ᠠ᠃ ︽ᠬᠠᠮᠢᠶᠠᠷᠬᠤ︾ ᠬᠡᠳᠡᠭ ᠨᠢ ᠲᠥᠪ ᠭᠤᠣᠯᠴᠢ  ᠪᠠᠷ ᠬᠢᠨᠠᠨ ᠬᠠᠮᠢᠶᠠᠷᠴᠥ᠂ ᠡᠷᠬᠡ ᠲᠡᠭᠰᠢ ᠥᠷᠢᠰᠥᠯᠳᠥᠬᠡᠨ ᠢ ᠠᠬᠢᠭᠤᠯᠣᠨ᠎ᠠ᠃ ︽ᠣᠶᠢᠯᠡᠴᠢᠯᠡᠬᠦ︾ ᠬᠡᠳᠡᠭ ᠨᠢ ᠥᠨᠳᠥᠷ ᠪᠥᠳᠥᠮᠵᠢᠲᠠᠢ ᠪᠠᠷ ᠣᠶᠢᠯᠡᠴᠢᠯᠡᠨ᠂ ᠲᠥᠭᠦᠮ ᠲᠥᠳᠡ ᠣᠷᠴᠢᠨ ᠢ ᠪᠣᠢ ᠪᠣᠯᠭᠠᠨ᠎ᠠ᠃ 16. ︽ᠥᠩᠬᠡᠷᠡᠬᠦ ᠭᠠᠯᠠᠭᠤᠨ ᠠᠴᠠ ᠥᠳᠥ ᠰᠣᠭᠤᠯᠬᠤ︾ ᠬᠡᠯᠪᠡᠷᠢ ᠶᠢᠨ ᠢᠯᠵᠡᠷᠡᠯ᠄ ᠪᠠᠭ᠎ᠠ ᠲᠣᠭᠠᠨ ᠤ ᠥᠨᠳᠥᠰᠥᠨ ᠱᠠᠳᠣᠨ ᠤ ᠺᠠᠳ᠋ᠷᠴᠣᠳ ᠪᠡᠯᠡ ᠮᠥᠩᠬᠦ ᠶᠢ ᠬᠤᠪᠢᠶᠠᠷᠢᠯᠠᠬᠤ᠂ ᠬᠢᠨᠠᠨ ᠴᠣᠬᠤᠪᠣᠷᠢᠯᠠᠬᠤ ᠬᠢᠨᠠᠨ ᠰᠢᠯᠭᠠᠬᠤ ᠲᠠᠯ᠎ᠠ ᠵᠢᠴᠢ ᠥᠨᠳᠥᠰᠥᠨ ᠱᠠᠳᠣᠨ ᠤ ᠬᠡᠷᠡᠭ ᠶᠠᠪᠣᠳᠠᠯ ᠤᠨ ᠬᠠᠮᠢᠶᠠᠷᠥᠯᠳᠠ ᠶᠢᠨ ᠶᠠᠪᠣᠴᠠ ᠳᠣᠮᠳᠠ᠂ ᠲᠣᠷ᠎ᠠ ᠪᠠᠷ ᠡᠷᠬᠡ ᠪᠠᠨ ᠬᠡᠷᠡᠭᠯᠡᠵᠥ ᠠᠷᠠᠳ ᠤᠨ ᠥᠨᠳᠥᠰᠥᠨ ᠠᠰᠢᠭ ᠲᠣᠰᠠ ᠶᠢ ᠬᠤᠬᠢᠷᠠᠭᠤᠯᠣᠭᠰᠠᠨ ᠢᠯᠵᠢᠷᠠᠮᠡᠯ ᠤᠨ ᠠᠵᠢᠯᠯᠠᠭ᠎ᠠ ᠶᠢ ᠬᠡᠯᠡᠨ᠎ᠡ᠃17. ᠬᠠᠩᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷ ᠤᠨ ᠦᠭᠡᠷᠡᠴᠢᠯᠡᠯᠳᠡ᠄ ᠬᠠᠩᠭᠠᠯᠭ᠎ᠠ ᠶᠢᠨ ᠴᠢᠨᠠᠷ ᠢ ᠳᠡᠭᠡᠭᠰᠢᠯᠡᠬᠦᠯᠬᠦ ᠠᠴᠠ ᠡᠬᠢᠯᠡᠬᠦᠯᠵᠤ᠂ ᠦᠬᠡᠷᠡᠴᠢᠯᠡᠯᠳᠡ ᠶᠢᠨ ᠠᠷᠭ᠎ᠠ ᠶᠢ ᠭᠡᠷᠡᠭᠯᠡᠨ ᠪᠦᠳᠦᠴᠠ ᠶᠢᠨ ᠳᠣᠬᠢᠷᠠᠭᠤᠯᠤᠯᠳᠠ  ᠶᠢ ᠠᠬᠢᠭᠤᠯᠵᠤ᠂ ᠡᠯᠧᠮᠧᠨ᠋ᠲ ᠶᠢ ᠵᠠᠯᠠᠷᠠᠭᠤᠯᠵᠤ᠂ ᠦᠷ᠎ᠡ ᠪᠦᠳᠦᠮᠵᠢᠳᠣ ᠬᠠᠩᠭᠠᠯᠭ᠎ᠠ ᠶᠢ ᠦᠷᠭᠡᠳᠭᠡᠨ᠂ ᠬᠠᠩᠭᠠᠯᠭ᠎ᠠ  ᠶᠢᠨ ᠪᠦᠳᠦᠴᠠ ᠨᠢ ᠭᠡᠷᠡᠭᠴᠡᠭᠡᠨ ᠤ ᠬᠤᠪᠢᠷᠠᠯᠳᠠ ᠶᠢᠨ ᠵᠤᠬᠢᠴᠠᠬᠤ ᠰᠢᠨᠵᠢ ᠪᠠ ᠠᠮᠢᠳᠣᠯᠢᠭ ᠰᠢᠨᠵᠢ ᠶᠢ ᠳᠡᠭᠡᠭᠰᠢᠯᠡᠬᠦᠯᠵᠤ᠂ ᠪᠦᠬᠦ ᠡᠯᠧᠮᠧᠨ᠋ᠲ ᠤᠨ ᠦᠢᠯᠡᠳᠪᠦᠷᠢᠯᠡᠯ ᠤᠨ ᠨᠤᠷᠮ᠎ᠠ ᠶᠢ ᠳᠡᠭᠡᠭᠰᠢᠯᠡᠬᠦᠯᠵᠤ᠂ ᠦᠷᠭᠡᠨ ᠤᠯᠠᠨ ᠠᠷᠠᠳ ᠲᠦᠮᠡᠨ ᠤ ᠱᠠᠭᠠᠷᠳᠠᠯᠭ᠎ᠠ ᠶᠢ ᠨᠡᠩ ᠰᠠᠶᠢᠨ ᠢᠶᠠᠷ ᠬᠠᠩᠭᠠᠨ ᠠᠵᠤ ᠠᠬᠤᠢ ᠨᠡᠶᠢᠭᠡᠮ ᠤᠨ ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠠᠬᠢᠭᠤᠯᠤᠨ᠎ᠠ᠃ ᠬᠠᠩᠭᠠᠯᠭ᠎ᠠ ᠶᠢᠨ ᠳᠠᠯ᠎ᠠ ᠶᠢᠨ ᠪᠦᠳᠦᠴᠠ ᠶᠢᠨ ᠴᠢᠨᠠᠷ ᠤᠨ ᠦᠭᠡᠷᠡᠴᠢᠯᠡᠯᠳᠡ ᠶᠢᠨ ᠦᠨᠳᠦᠰᠣᠨ ᠬᠠᠷᠠᠯᠳᠠ ᠨᠢ ᠨᠡᠶᠢᠭᠡᠮ ᠤᠨ ᠦᠢᠯᠡᠳᠪᠦᠷᠢᠯᠡᠯ ᠤᠨ ᠬᠢᠷᠢ ᠲᠦᠪᠰᠢᠨ ᠢ ᠳᠡᠭᠡᠭᠰᠢᠯᠡᠬᠦᠯᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ ᠦᠵᠡᠯ ᠰᠠᠨᠠᠭ᠎ᠠ ᠶᠢ ᠨᠠᠶᠢᠳᠠᠪᠦᠷᠢᠵᠢᠭᠤᠯᠤᠨ᠎ᠠ᠃18. ︽ ᠳᠠᠪᠤ ᠶᠢ ᠨᠢᠭᠡ ᠴᠣᠭᠴᠠᠵᠢᠭᠤᠯᠬᠤ︾ ᠶᠡᠷᠤᠩᠭᠡᠢ ᠪᠠᠶᠢᠷᠢᠰᠢᠭᠤᠯᠤᠯᠳᠠ᠄ ᠠᠵᠤ ᠠᠬᠤᠢ ᠶᠢᠨ ᠪᠦᠳᠦᠭᠡᠨ ᠪᠠᠶᠢᠭᠤᠯᠤᠯᠳᠠ᠂ ᠣᠯᠣᠰ ᠲᠦᠷᠤ ᠶᠢᠨ ᠪᠠᠶᠢᠭᠤᠯᠤᠯᠳᠠ᠂ ᠰᠣᠶᠣᠯ ᠤᠨ ᠪᠠᠶᠢᠭᠤᠯᠤᠯᠳᠠ᠂ ᠨᠡᠶᠢᠭᠡᠮ ᠤᠨ ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠣᠨ ᠤ ᠪᠠᠶᠢᠭᠤᠯᠤᠯᠳᠠ ᠪᠤᠯᠤᠨ᠎ᠠ᠃19. ︽ᠳᠦᠷᠪᠡᠨ ᠪᠦᠬᠦ ᠳᠠᠯ᠎ᠠ︾ ᠶᠢᠨ ᠪᠠᠶᠢᠯᠳᠣᠬᠤ ᠪᠣᠳᠣᠯᠭ᠎ᠠ ᠶᠢᠨ ᠪᠠᠶᠢᠷᠢᠰᠢᠭᠤᠯᠤᠯᠳᠠ᠄ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠦᠳᠦᠭᠡᠨ ᠪᠠᠶᠢᠭᠤᠯᠬᠤ᠂ ᠦᠭᠡᠷᠡᠴᠢᠯᠠᠯᠳᠠ ᠶᠢ ᠪᠦᠬᠦ ᠳᠠᠯ᠎ᠠ ᠪᠠᠷ ᠬᠦᠨᠵᠡᠭᠡᠶᠢᠷᠡᠬᠦᠯᠬᠦ᠂ ᠪᠦᠬᠦ ᠳᠠᠯ᠎ᠠ  ᠪᠠᠷ ᠬᠠᠤᠯᠢ ᠶᠤᠰᠣᠭᠠᠷ ᠣᠯᠣᠰ ᠢᠶᠠᠨ ᠵᠠᠰᠠᠬᠤ᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠨ᠎ᠠ᠃20. ︽ᠭᠤᠷᠪᠠᠨ ᠬᠤᠷᠢᠭ᠎ᠠ ᠱᠣᠭᠤᠮ︾᠄ ᠳᠣᠮᠳᠠᠳᠣ ᠣᠯᠣᠰ ᠤᠨ ᠡᠪ ᠬᠠᠮᠳᠣ ᠨᠠᠮ ᠤᠨ ᠥᠪᠣᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠲᠥᠯᠥᠬᠡᠯᠡᠭᠴᠢᠳ ᠤᠨ ᠶᠡᠭᠡ ᠬᠤᠷᠠᠯ ᠳᠡᠬᠡᠷ᠎ᠡ᠂ ᠥᠪᠣᠷ ᠮᠣᠩᠭᠤᠯ ᠤᠨ ᠥᠪᠡᠷᠳᠡᠬᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠭᠤᠷᠪᠠᠨ ᠬᠤᠷᠢᠭ᠎ᠠ ᠱᠣᠭᠤᠮ ᠢ ᠡᠷᠡᠰ ᠰᠠᠬᠢᠬᠤ ᠶᠢ ᠳᠣᠷᠠᠳᠣᠪᠠ᠃ ᠬᠥᠭᠵᠢᠯᠳᠡ ᠶᠢᠨ ᠬᠤᠷᠢᠭ᠎ᠠ ᠱᠣᠭᠤᠮ᠂ ᠠᠮᠢ ᠠᠬᠤᠢ ᠶᠢᠨ ᠬᠤᠷᠢᠭ᠎ᠠ ᠱᠣᠭᠤᠮ᠂ ᠠᠷᠠᠳ ᠤᠨ ᠠᠮᠢᠳᠣᠷᠠᠯ ᠤᠨ ᠬᠤᠷᠢᠭ᠎ᠠ ᠱᠣᠭᠤᠮ ᠢ ᠰᠠᠬᠢᠨ᠎ᠠ᠃21. ᠣᠷᠣᠨ ᠠᠯᠤᠰᠯᠠᠭᠰᠠᠨ ᠠᠵᠤ ᠠᠬᠤᠶ᠄ ᠬᠤᠶᠠᠷ ᠤᠤᠯ ᠤᠨ ᠳᠤᠰᠭᠠᠷ ᠢᠶᠠᠨ ᠤᠷᠤᠰᠢᠵᠤ᠂ ᠠᠵᠤ ᠠᠬᠤᠢ ᠶᠢᠨ ᠬᠦᠭᠵᠢᠯᠳᠡ ᠵᠦᠷᠢᠶ᠎ᠡ ᠲᠠᠢ ᠵᠠᠰᠠᠭ ᠵᠠᠬᠢᠷᠭᠠᠨ ᠤ ᠣᠷᠣᠨ ᠨᠢ ᠬᠤᠪᠢᠶᠠᠷᠢᠯᠠᠯ ᠤᠨ ᠬᠢᠵᠠᠭᠠᠷᠯᠠᠯ ᠢ ᠡᠪᠳᠡᠵᠦ᠂ ᠨᠢᠭᠡ ᠭᠠᠵᠠᠷ ᠣᠷᠣᠨ ᠤ ᠪᠡᠯᠡ ᠮᠥᠩᠭᠦ ᠪᠣᠯᠤᠨ ᠲᠥᠷᠥᠯ ᠵᠦᠢᠯ ᠢ ᠥᠭᠡᠷ᠎ᠡ ᠨᠢᠭᠡ ᠭᠠᠵᠠᠷ ᠣᠷᠣᠨ ᠳᠤ ᠠᠪᠠᠴᠢᠵᠤ ᠪᠦᠲᠦᠭᠡᠨ ᠪᠠᠶᠢᠭᠤᠯᠬᠤ ᠶᠢ ᠵᠢᠭᠠᠵᠤ ᠪᠠᠶᠢᠨ᠎ᠠ᠃ ᠲᠥᠯᠥᠪᠵᠢᠭᠦᠯᠬᠦ ᠂ ᠪᠦᠲᠦᠭᠡᠨ ᠪᠠᠶᠢᠭᠤᠯᠬᠤ᠂ ᠬᠠᠮᠢᠶᠠᠷᠬᠤ ᠬᠢᠭᠡᠳ ᠭᠠᠶᠢᠯᠢ ᠲᠠᠲᠠᠪᠤᠷᠢ ᠶᠢᠨ ᠬᠤᠪᠢᠶᠠᠷᠢᠯᠠᠯᠲᠠ ᠵᠡᠷᠭᠡ ᠬᠠᠮᠲᠤᠷᠠᠯᠴᠠᠭᠠᠨ ᠤ ᠲᠣᠭᠲᠠᠴᠠ ᠪᠠᠷ᠂ ᠬᠤᠶᠠᠷ ᠭᠠᠵᠠᠷ ᠤᠨ ᠡᠬᠢ ᠪᠠᠶᠠᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠬᠦᠷᠲᠡᠬᠦ‍ ᠨᠢᠭᠡ ᠵᠦᠢᠯ ᠤᠨ ᠣᠷᠣᠨ ᠪᠦᠰᠡ ᠶᠢᠨ ᠠᠵᠤ ᠠᠬᠤᠶ ᠶᠢᠨ ᠬᠠᠮᠲᠤᠷᠠᠯᠴᠠᠭ᠎ᠠ ᠶᠢᠨ ᠵᠠᠭᠪᠤᠷ ᠢ ᠬᠡᠯᠡᠵᠦ ᠪᠠᠶᠢᠨ᠎ᠠ᠃ 22. ︽ᠰᠠᠨᠰᠠᠷ ᠠᠴᠠ ᠣᠶᠢᠷ᠎ᠠ ᠣᠷᠣᠨ ᠵᠠᠢ︾᠄ ᠭᠠᠵᠠᠷ ᠤᠨ ᠭᠠᠳᠠᠷᠭᠤ ᠠᠴᠠ 20~100 ᠺᠢᠯᠣᠮᠧᠲᠷ ᠠᠭᠠᠷ  ᠤᠨ ᠣᠷᠣᠨ ᠢ ᠬᠡᠯᠡᠨ᠎ᠡ᠃ ᠡᠨᠡᠬᠦ ᠣᠷᠣᠨ ᠵᠠᠢ ᠶᠢᠨ ᠴᠢᠬᠤᠯᠠ ᠨᠡᠬᠡᠬᠡᠨ ᠠᠰᠢᠭᠯᠠᠬᠤ ᠥᠷᠳᠡᠭ ᠠᠴᠠ ᠰᠢᠯᠳᠠᠭᠯᠠᠭᠳᠠᠵᠣ᠂ ᠣᠯᠠᠨ ᠣᠯᠣᠰ ᠤᠨ ᠬᠥᠷᠢᠶ᠎ᠡ ᠴᠠᠷ᠎ᠠ ᠳᠤ ᠥᠷᠬᠡᠨ ᠳᠡᠯᠬᠡᠷ ᠠᠩᠬᠠᠷᠣᠯ ᠢ ᠳᠠᠳᠠᠪᠠ᠃23. ᠭᠤᠷᠪᠠ ᠶᠢ ᠪᠠᠭᠤᠷᠠᠭᠤᠯᠵᠤ ᠨᠢᠭᠡ ᠶᠢ ᠳᠣᠷᠣᠭᠰᠢᠯᠠᠭᠤᠯᠵᠤ ᠨᠢᠭᠡ ᠶᠢ ᠨᠥᠬᠦᠪᠦᠷᠢᠯᠡᠬᠦ᠄ ᠲᠤᠬᠠᠶᠢᠯᠠᠪᠠᠯ ᠦᠯᠡᠭᠦᠳᠡᠭᠰᠡᠨ ᠦᠢᠯᠡᠳᠪᠦᠷᠢᠯᠡᠯ ᠤᠨ ᠴᠢᠳᠠᠪᠬᠢ ᠶᠢ ᠬᠠᠰᠤᠵᠤ᠂ ᠬᠥᠮᠥᠷᠭᠡ ᠶᠢᠨ ᠬᠠᠳᠠᠭᠠᠯᠠᠯᠲᠠ ᠶᠢ ᠪᠠᠭᠤᠷᠠᠭᠤᠯᠬᠤ᠂ ᠬᠦᠰᠢᠬᠦᠷᠭᠡ ᠶᠢᠨ ᠵᠦᠢᠯᠡᠰ ᠢ ᠴᠥᠭᠡᠳᠬᠡᠬᠦ᠂ ᠥᠪᠡᠷ ᠤᠨ ᠦᠷᠲᠡᠭ ᠢ ᠳᠣᠷᠣᠭᠰᠢᠯᠠᠭᠤᠯᠬᠤ᠂ ᠳᠤᠲᠠᠭᠤᠳᠠᠯ ᠢ ᠨᠥᠬᠦᠪᠥᠷᠢᠯᠡᠬᠦ ᠵᠡᠷᠭᠡ ᠪᠤᠯᠤᠨ᠎ᠠ᠃24. ᠭᠤᠷᠪᠡᠳᠡᠬᠢ ᠳᠦᠷᠦᠯ ᠤᠨ ᠬᠤᠪᠢᠴᠠᠭᠠᠨ ᠤ ᠵᠠᠬ᠎ᠠ  ᠄ ᠪᠦᠬᠦ  ᠤᠯᠤᠰ ᠤᠨ ᠳᠤᠮᠳᠠ ᠪᠠᠭ᠎ᠠ ᠠᠵᠤ ᠠᠬᠤᠶᠢᠯᠠᠯ ᠤᠨ ᠬᠤᠪᠢᠴᠠᠭ᠎ᠠ ᠶᠢ ᠰᠢᠯᠵᠢᠭᠦᠯᠬᠦ ᠰᠢᠰᠲ᠋ᠧᠮ᠂ ᠱᠠᠩᠬᠠᠢ ᠶᠢᠨ ᠰᠲ᠋ᠣᠺ ᠰᠣᠯᠢᠯᠴᠠᠬᠤ ᠭᠠᠵᠠᠷ᠂ ᠱᠧᠨᠵᠧᠨ ᠤ ᠰᠲ᠋ᠣᠺ ᠤᠨ ᠰᠣᠯᠢᠯᠴᠠᠭᠠᠨ ᠤ ᠭᠠᠵᠠᠷ ᠤᠨ ᠲᠠᠷᠠᠭ᠎ᠠ ᠲᠥᠷᠥ ᠤᠨ ᠶᠠᠪᠤᠳᠠᠯ ᠤᠨ ᠬᠤᠷᠢᠶᠠᠨ ᠠᠴᠠ ᠵᠥᠪᠰᠢᠶᠡᠷᠡᠨ ᠪᠠᠶᠢᠭᠤᠯᠤᠭᠰᠠᠨ ᠭᠤᠷᠪᠠᠳᠤᠭᠠᠷ ᠰᠲ᠋ᠣᠺ ᠤᠨ ᠰᠣᠯᠢᠯᠴᠠᠭ᠎ᠠ ᠶᠢᠨ ᠭᠠᠵᠠᠷ᠃ ᠭᠤᠣᠯᠳᠠᠭᠤ ᠰᠲ᠋ᠣᠺ ᠢᠶᠠᠨ ᠵᠠᠬ᠎ᠠ ᠳᠡᠯᠭᠡᠭᠦᠷ   ᠲᠤ ᠭᠠᠷᠭᠠᠭ᠎ᠠ ᠦᠭᠡᠢ ᠺᠣᠮᠫᠠᠨᠢ ᠶᠢᠨ ᠬᠤᠪᠢᠴᠠᠭ᠎ᠠ ᠶᠢ  ᠢᠯᠡ ᠪᠠᠷ ᠰᠢᠯᠵᠢᠭᠦᠯᠬᠦ ᠪᠣᠯᠣᠨ ᠴᠢᠭᠯᠡᠭᠦᠯᠦᠨ ᠲᠠᠷᠬᠠᠭᠠᠬᠤ ᠪᠠᠷ ᠭᠤᠣᠯᠯᠠᠵᠤ᠂ ᠳᠤᠮᠳᠠ ᠪᠠᠭ᠎ᠠ ᠠᠵᠤ ᠠᠬᠤᠶᠢᠯᠠᠯ  ᠳᠤ ᠨᠡᠭᠡᠭᠡᠭᠰᠡᠨ  ᠮᠥᠩᠭᠦᠨ ᠭᠦᠢᠯᠭᠡᠭᠡ ᠶᠢᠨ ᠳᠠᠪᠴᠠᠩ ᠪᠣᠯᠣᠨ᠎ᠠ᠃25.  ᠪᠦᠰᠠ ᠶᠢᠨ ᠬᠤᠪᠢᠴᠠᠭ᠎ᠠ ᠶᠢᠨ ᠵᠠᠬ᠎ᠠ᠄ ᠣᠨᠴᠠᠭᠠᠢ ᠪᠦᠰᠡ ᠨᠤᠲᠤᠭ ᠤᠨ ᠠᠵᠤ ᠠᠬᠤᠶᠢᠯᠠᠯ ᠳᠤ ᠬᠤᠪᠢᠴᠠᠭ᠎ᠠ ᠶᠢᠨ ᠡᠷᠬᠡ᠂ ᠰᠲ᠋ᠣᠺ ᠤᠨ ᠰᠢᠯᠵᠢᠭᠦᠯᠬᠦ ᠪᠣᠯᠣᠨ ᠪᠡᠯᠡ ᠬᠤᠷᠠᠮᠳᠤᠯᠭ᠎ᠠ ᠶᠢᠨ ᠬᠤᠷᠠᠮᠳᠤᠭᠤᠯᠤᠭᠰᠠᠨ ᠵᠠᠬ᠎ᠠ ᠳᠡᠯᠭᠡᠭᠡᠷᠡᠢ᠂ ᠮᠠᠨ ᠤ ᠤᠯᠤᠰ ᠤᠨ ᠥᠷᠥᠩᠭᠡ ᠶᠢᠨ ᠵᠠᠬ᠎ᠠ ᠳᠡᠯᠭᠡᠬᠦᠷ ᠤᠨ ᠴᠢᠬᠤᠯᠠ ᠪᠦᠲᠦᠴᠡ᠃ ᠠᠵᠤ ᠠᠬᠤᠶᠢᠯᠠᠯ ᠢ ᠠᠬᠢᠭᠤᠯᠬᠤ᠂ ᠣᠨᠴᠠᠭᠠᠶᠢᠯᠠᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠤᠨ ᠬᠤᠪᠢᠴᠠᠭ᠎ᠠ ᠶᠢᠨ ᠰᠣᠯᠢᠯᠴᠠᠭ᠎ᠠ᠂ ᠪᠡᠯᠡ ᠬᠤᠷᠠᠮᠳᠤᠭᠤᠯᠬᠤ ᠶᠢ ᠠᠬᠢᠭᠤᠯᠬᠤ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠬᠤ ᠪᠣᠯᠣᠨ ᠠᠷᠠᠳ ᠤᠨ ᠬᠥᠷᠥᠩᠭᠡ ᠶᠢ ᠢᠳᠡᠪᠬᠢᠵᠢᠭᠦᠯᠬᠦ᠂ ᠪᠣᠲᠠᠲᠤ ᠠᠵᠤ ᠠᠬᠤᠢ ᠶᠢᠨ ᠪᠠᠭᠤᠷᠠᠢ ᠲᠠᠯ᠎ᠠ  ᠶᠢ ᠳᠡᠮᠵᠢᠬᠦ ᠶᠢ ᠴᠢᠩᠭᠠᠳᠬᠠᠬᠤ ᠢᠳᠡᠪᠬᠢᠲᠡᠢ ᠦᠢᠯᠡᠳᠦᠯ ᠲᠠᠢ ᠪᠠᠶᠢᠳᠠᠭ᠃26. ᠬᠥᠳᠡᠭᠡ ᠲᠤᠰᠬᠤᠨ ᠢ ᠰᠡᠷᠭᠦᠭᠡᠨ ᠬᠥᠭᠵᠢᠭᠦᠯᠬᠦ ᠪᠠᠶᠢᠯᠳᠤᠬᠤ  ᠪᠣᠳᠣᠯᠭ᠎ᠠ᠄ ᠨᠠᠮ ᠤᠨ ᠠᠷᠪᠠᠨ ᠶᠢᠰᠦᠳᠦᠭᠡᠷ ᠬᠤᠷᠠᠯ ᠠᠴᠠ ᠳᠤᠷᠠᠳᠤᠨ ᠭᠠᠷᠭᠠᠭᠰᠠᠨ ᠳᠣᠯᠣᠭᠠᠨ ᠪᠠᠶᠢᠯᠳᠤᠬᠤ ᠪᠤᠳᠣᠯᠭ᠎ᠠ ᠶᠢᠨ ᠨᠢᠭᠡ ᠨᠢ ᠪᠣᠯᠣᠨ᠎ᠠ᠂ ᠵᠣᠷᠢᠯᠭ᠎ᠠ ᠨᠢ ᠬᠥᠳᠡᠭᠡ ᠲᠤᠰᠬᠤᠨ ᠮᠠᠯᠵᠢᠬᠤ ᠣᠷᠣᠨ  ᠤ ᠬᠥᠭᠵᠢᠯᠲᠡ ᠪᠣᠯᠣᠨ ᠪᠠᠳᠠᠷᠠᠨ ᠴᠡᠴᠡᠭᠯᠡᠯᠲᠡ ᠶᠢ ᠠᠬᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ  ᠴᠢᠬᠤᠯᠠ ᠵᠠᠩᠭᠢᠯᠠᠭ᠎ᠠ ᠪᠣᠯᠣᠨ᠎ᠠ᠃27. ᠭᠤᠷᠪᠠᠨ ᠡᠷᠬᠡ ᠶᠢ ᠲᠤᠰᠠᠭᠠᠷᠯᠠᠬᠤ᠄ ᠨᠤᠲᠤᠭ ᠪᠡᠯᠴᠢᠭᠡᠷ ᠤᠨ ᠥᠮᠴᠢ ᠶᠢᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠲᠤᠰᠠᠭᠠᠷᠯᠠᠨ ᠰᠠᠯᠭᠠᠬᠤ᠃28. ᠲᠠᠷᠢᠶᠠᠨ ᠭᠠᠵᠠᠷ ᠤᠨ ᠶᠡᠷᠦᠩᠬᠡᠢ ᠴᠣᠭᠴᠠ᠄ ᠠᠵᠤ ᠦᠢᠯᠡᠰ ᠢ ᠶᠡᠷᠦᠩᠬᠡᠶᠢᠯᠡᠨ ᠬᠥᠭᠵᠢᠭᠦᠯᠬᠦ ᠪᠣᠯᠣᠨ ᠬᠥᠳᠡᠭᠡ ᠲᠤᠰᠬᠤᠨ ᠤ ᠬᠥᠷᠥᠩᠭᠡ ᠶᠢ ᠠᠰᠢᠭᠯᠠᠵᠤ᠂ ᠤᠳᠤᠬᠤᠢ ᠬᠥᠳᠡᠭᠡ ᠲᠤᠰᠬᠤᠨ ᠤ ᠬᠥᠭᠵᠢᠯᠲᠡ ᠶᠢᠨ ᠲᠥᠯᠥᠭᠡᠯᠡᠬᠦ ᠰᠢᠪᠲᠤᠯᠤᠯᠲᠠ ᠶᠢᠨ ᠤᠬᠠᠮᠰᠠᠷ ᠤᠨ ᠬᠡᠯᠪᠡᠷᠢ᠃29. ᠲᠠᠷᠢᠶᠠᠯᠠᠩ ᠤᠨ ᠦᠢᠯᠡᠰ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ  ᠄ ᠤᠯᠤᠰ ᠤᠨ ᠤᠰᠣᠨ ᠤ ᠶᠠᠪᠤᠳᠠᠯ ᠤᠨ ᠶᠠᠮᠤᠨ᠂ ᠥᠭᠡᠷᠡᠴᠢᠯᠡᠯᠲᠡ ᠨᠡᠭᠡᠭᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ  ᠠᠴᠠ ᠨᠢᠬᠡᠳᠦᠯᠳᠡᠢ ᠳᠤᠷᠠᠳᠴᠤ᠂ ᠤᠰᠤ ᠠᠷᠪᠢᠯᠠᠬᠤ ᠶᠢ ᠳᠤᠪᠤᠶᠢᠯᠠᠭᠠᠨ᠂ ᠭᠤᠷᠪᠠᠨ ᠲᠠᠯ᠎ᠠ ᠶᠢᠨ ᠡᠭᠦᠷᠭᠡ ᠶᠢ ᠭᠦᠢᠴᠡᠳᠬᠡᠨ᠎ᠡ᠃ ᠨᠢᠭᠡ ᠳᠤ᠂ ᠲᠠᠷᠢᠶᠠᠴᠢᠨ ᠤ ᠤᠰᠤ ᠬᠡᠷᠡᠭᠯᠡᠬᠦ ᠶᠢᠨ ᠥᠪᠡᠷᠲᠡᠭᠡᠨ ᠬᠠᠮᠢᠶᠠᠷᠴᠤ᠂ ᠲᠠᠷᠢᠶᠠᠯᠠᠩ ᠤᠨ ᠬᠡᠷᠡᠭᠯᠡᠭᠡᠨ ᠤ ᠤᠰᠤᠨ ᠤ ᠬᠠᠮᠢᠶᠠᠷᠤᠯᠲᠠ ᠶᠢᠨ ᠪᠦᠲᠦᠴᠠ ᠶᠢ ᠰᠢᠨᠡᠴᠢᠯᠡᠨ᠎ᠡ᠃ ᠬᠤᠶᠠᠷ ᠲᠤ ᠢᠨᠵᠧᠨᠧᠷᠢᠩ ᠤᠨ ᠲᠥᠬᠦᠭᠡᠷᠦᠮᠵᠢ ᠶᠢᠨ ᠥᠭᠡᠷᠡᠴᠢᠯᠡᠯᠲᠡ ᠶᠢ ᠴᠢᠩᠭᠠᠳᠬᠠᠵᠤ᠂ ᠲᠠᠷᠢᠶᠠᠯᠠᠩ ᠤᠨ ᠤᠰᠤᠨ ᠤ ᠢᠨᠵᠧᠨᠧᠷᠢᠩ ᠢ ᠲᠡᠭᠦᠯᠳᠡᠷᠵᠢᠭᠦᠯᠦᠨ᠎ᠡ᠃ ᠭᠤᠷᠪᠠ ᠳᠤ᠂ ᠲᠠᠷᠢᠶᠠᠯᠠᠩ ᠤᠨ ᠦᠢᠯᠡᠰ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢ ᠬᠦᠨᠵᠡᠬᠡᠶᠢᠷᠡᠬᠦᠯᠵᠤ᠂ ᠰᠢᠨᠵᠢᠯᠡᠬᠦ ᠤᠬᠠᠭᠠᠨᠴᠢ ᠵᠣᠬᠢᠰᠲᠠᠢ ᠤᠰᠤᠨ ᠤ ᠦᠨ᠎ᠡ ᠶᠢᠨ ᠳᠦᠷᠢᠮ ᠢ ᠪᠠᠶᠢᠭᠤᠯᠤᠨ᠎ᠠ᠃30.ᠲᠡᠳᠬᠦᠨ ᠪᠠᠲᠤᠯᠠᠬᠤ ᠵᠢᠭᠡᠯᠡᠯᠭᠡ᠄ ᠤᠷᠤᠨ ᠨᠤᠲᠤᠭ ᠤᠨ ᠵᠠᠰᠠᠭ ᠤᠨ ᠣᠷᠳᠤᠨ ᠪᠣᠯᠣᠨ ᠪᠠᠩᠬᠢ  ᠶᠢᠨ ᠬᠠᠮᠳᠤᠷᠠᠨ ᠰᠢᠯᠢᠨ ᠲᠣᠭᠲᠠᠭᠠᠭᠰᠠᠨ ᠳᠤᠮᠳᠠ ᠪᠠᠭ᠎ᠠ ᠠᠵᠤ ᠠᠬᠤᠶᠢᠯᠠᠯ  ᠢᠶᠠᠷ ᠪᠦᠷᠢᠯᠳᠦᠭᠰᠡᠨ ᠴᠣᠭᠴᠠ᠂ ᠵᠠᠰᠠᠭ ᠤᠨ ᠲᠦᠭᠰᠢᠭᠦᠷᠢ ᠶᠢᠨ ᠨᠥᠬᠦᠪᠦᠷᠢ ᠬᠥᠷᠥᠩᠭᠡ ᠪᠣᠯᠣᠨ ᠠᠵᠤ ᠠᠬᠤᠶᠢᠯᠠᠯ ᠤᠨ ᠲᠤᠰᠢᠶᠠᠭᠰᠠᠨ ᠲᠡᠳᠬᠦᠨ ᠪᠠᠲᠤᠯᠠᠬᠤ ᠪᠡᠯᠡ ᠮᠥᠩᠭᠦ ᠪᠠᠷ ᠲᠦᠭᠰᠢᠭᠦᠷᠢ ᠶᠢ ᠬᠥᠩᠭᠡᠷᠡᠭᠦᠯᠬᠦ ᠰᠠᠭᠤᠷᠢ ᠮᠦᠩᠬᠦ ᠶᠢ ᠪᠠᠶᠢᠭᠤᠯᠵᠤ᠂ ᠳᠦᠭᠰᠢᠬᠦᠷᠢ ᠶᠢ ᠠᠷᠭᠠᠴᠠᠭᠠᠬᠤ ᠬᠡᠯᠪᠡᠷᠢ ᠶᠢᠨ ᠢᠲᠡᠭᠡᠮᠵᠢ ᠶᠢᠨ ᠵᠢᠭᠡᠯᠡᠯᠭᠡ᠃31. ᠬᠥᠪᠰᠥᠭᠡᠷ ᠬᠤᠲᠠ  ᠄ ᠪᠠᠷᠢᠯᠭ᠎ᠠ ᠶᠢᠨ ᠪᠦᠳᠦᠭᠡᠠ ᠪᠠᠶᠢᠭᠤᠯᠤᠯᠲᠠ ᠶᠢᠨ ᠠᠷᠭ᠎ᠠ ᠪᠠᠷ ᠳᠠᠮᠵᠢᠨ᠂ ᠪᠣᠷᠣᠭᠠᠨ ᠣᠷᠣᠬᠤ ᠳᠤ ᠤᠰᠤ ᠰᠢᠩᠭᠡᠭᠡᠵᠦ᠂ ᠤᠰᠤ ᠬᠠᠳᠠᠭᠠᠯᠠᠵᠤ᠂ ᠤᠰᠤ ᠨᠡᠪᠴᠢᠭᠦᠯᠵᠦ᠂ ᠤᠰᠤ ᠴᠡᠪᠡᠷᠰᠢᠭᠦᠯᠵᠦ᠂ ᠴᠢᠬᠤᠯᠠᠲᠠᠶ ᠦᠶᠡᠰ ᠲᠤ ᠬᠠᠳᠠᠭᠠᠯᠠᠭᠰᠠᠨ ᠤᠰᠤ ᠪᠠᠨ ᠭᠠᠷᠭᠠᠨ ᠠᠰᠢᠭᠯᠠᠬᠤ᠂ ᠬᠤᠳᠠ ᠪᠠᠯᠭᠠᠰᠤ ᠨᠢ ᠣᠷᠴᠢᠨ ᠲᠣᠭᠤᠷᠢᠨ ᠤ ᠬᠤᠪᠢᠷᠠᠯᠲᠠ ᠳᠤ ᠵᠣᠬᠢᠴᠠᠬᠤ ᠪᠠ ᠪᠣᠷᠤᠭᠠᠨ ᠠᠴᠠ ᠪᠣᠯᠣᠭᠰᠠᠨ ᠪᠠᠶᠢᠭᠠᠯᠢ ᠶᠢᠨ ᠭᠠᠮᠰᠢᠭ ᠵᠡᠷᠭᠡ ᠲᠠᠯ᠎ᠠ ᠶᠢ ᠠᠷᠭᠠᠴᠠᠬᠤ ᠳᠤ ᠨᠡᠩ ᠰᠠᠶᠢᠨ ︽ᠬᠥᠪᠰᠥᠭᠡᠷ ᠴᠢᠨᠠᠷ︾ ᠲᠠᠢ ᠪᠠᠶᠢᠳᠠᠭ᠃   32. ︽ᠵᠣᠷᠯᠣᠩ ᠤᠨ ᠰᠢᠨᠡᠴᠢᠯᠡᠯᠲᠡ︾᠄ ᠤᠯᠤᠰ ᠤᠨ ᠵᠢᠭᠤᠯᠴᠢᠯᠠᠯ ᠤᠨ ᠲᠣᠪᠴᠢᠶ᠎ᠠ  2015 ᠣᠨ ᠠᠴᠠ ᠡᠬᠢᠯᠡᠵᠦ ᠪᠦᠬᠦ ᠤᠯᠤᠰ ᠤᠨ ᠬᠡᠪᠴᠢᠶᠡᠨ ᠳᠤ ᠵᠢᠭᠤᠯᠴᠢᠯᠠᠯ ᠤᠨ ᠵᠣᠷᠯᠣᠩ ᠤᠨ ᠪᠦᠲᠦᠭᠡᠨ ᠪᠠᠶᠢᠭᠤᠯᠤᠯᠲᠠ ᠪᠣᠯᠣᠨ ᠬᠠᠮᠢᠶᠠᠷᠤᠯᠲᠠ ᠶᠢ ᠶᠠᠪᠤᠭᠤᠯᠵᠤ᠂3 ᠵᠢᠯ ᠤᠨ ᠳᠣᠲᠣᠷ᠎ᠠ ᠵᠢᠭᠤᠯᠴᠢᠯᠠᠯ ᠤᠨ ᠵᠣᠷᠯᠣᠩ ᠤᠨ ᠴᠥᠭᠡᠨ᠂ ᠠᠷᠢᠭᠤᠨ ᠴᠡᠪᠡᠷ ᠤᠨ ᠴᠢᠨᠰᠠᠭ᠎ᠠ ᠮᠠᠭᠤ ᠪᠣᠯᠣᠨ ᠬᠠᠮᠢᠶᠠᠷᠤᠯᠲᠠ ᠬᠦᠷᠦᠯᠴᠡᠬᠦ ᠦᠭᠡᠢ ᠠᠰᠠᠭᠤᠳᠠᠯ ᠢ ᠰᠢᠢᠳᠪᠦᠷᠢᠯᠡᠨ᠎ᠡ᠃33. ᠣᠶᠤᠨᠲᠦ ᠬᠤᠳᠠ᠄ ᠡᠯ᠎ᠡ ᠰᠢᠰᠲ᠋ᠧᠮ᠂ ᠡᠯ᠎ᠡ ᠠᠵᠢᠯ ᠲᠥᠷᠥᠯ᠂ ᠡᠯ᠎ᠡ ᠰᠠᠯᠠᠭ᠎ᠠ ᠮᠥᠴᠢᠷ ᠤᠨ ᠰᠠᠭᠤᠷᠢ ᠲᠤᠭ᠎ᠠ ᠪᠠᠷᠢᠮᠲᠠ ᠶᠢ ᠰᠤᠷᠠᠭ ᠵᠠᠩᠭᠢ ᠪᠠ ᠮᠡᠳᠡᠭᠡ ᠬᠤᠯᠪᠣᠭᠠᠨ ᠤ ᠮᠡᠷᠭᠡᠵᠢᠯ ᠢᠶᠠᠷ ᠳᠠᠮᠵᠢᠨ᠂ ᠬᠤᠳᠠ ᠶᠢᠨ ᠬᠠᠮᠢᠶᠠᠷᠤᠯᠲᠠ᠂ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠣᠷᠴᠢᠨ ᠲᠣᠭᠤᠷᠢᠨ ᠢ ᠬᠠᠮᠠᠭᠠᠯᠠᠬᠤ᠂ ᠤᠯᠠᠨ ᠨᠡᠶᠢᠲᠡ ᠶᠢᠨ ᠠᠮᠤᠷ ᠲᠦᠪᠰᠢᠨ᠂ ᠦᠢᠯᠡᠳᠪᠦᠷᠢ ᠬᠤᠳᠠᠯᠳᠤᠭᠠᠨ ᠤ ᠠᠵᠢᠯᠯᠠᠭ᠎ᠠ ᠵᠡᠷᠭᠡ ᠡᠯ᠎ᠡ ᠬᠦᠷᠢᠶᠡᠨ ᠳᠤ ᠬᠡᠷᠡᠭᠯᠡᠵᠦ᠂ ᠥᠨᠳᠥᠷ ᠪᠦᠲᠦᠮᠵᠢᠲᠡᠶ᠂ ᠠᠷᠠᠳ ᠲᠤ ᠳᠥᠭᠦᠮ ᠦᠵᠡᠭᠦᠯᠬᠦ ᠣᠶᠣᠨᠴᠢ ᠦᠢᠯᠡᠴᠢᠯᠡᠭᠡ ᠬᠠᠩᠭᠠᠬᠤ᠃ 34. ︽ᠤᠶᠤᠨᠳᠤ ᠨᠡᠶᠢᠭᠡᠮ ᠲᠣᠭᠤᠷᠢᠭ︾᠄ ᠪᠤᠳᠠᠰ ᠤᠨ ᠬᠤᠯᠪᠤᠭᠠᠨ ᠤ ᠰᠦᠯᠵᠢᠶ᠎ᠡ᠂ ᠡᠬᠦᠯᠡᠨ ᠪᠤᠳᠤᠯᠳᠠ᠂ ᠨᠡᠬᠦᠳᠡᠯ ᠬᠤᠯᠪᠤᠭ᠎ᠠ ᠵᠡᠷᠬᠡ ᠰᠢᠨ᠎ᠡ ᠴᠢᠮᠡᠭᠡ ᠲᠧᠭᠨᠢᠭ ᠢ ᠬᠦᠢᠴᠡᠳ ᠳᠦᠪᠯᠡᠷᠡᠬᠦᠯᠦᠨ ᠬᠡᠷᠡᠭᠯᠡᠵᠤ᠂ ᠴᠢᠮᠡᠭᠡ ᠵᠠᠩᠬᠢᠵᠢᠭᠰᠡᠨ᠂ ᠤᠶᠤᠨᠵᠢᠭᠰᠠᠨ ᠨᠡᠶᠢᠬᠡᠮ ᠤᠨ ᠬᠠᠮᠢᠶᠠᠷᠤᠯᠳᠠ ᠪᠠ ᠦᠢᠯᠡᠴᠢᠯᠡᠬᠡᠨ ᠤ ᠨᠢᠬᠡ ᠵᠦᠢᠯ ᠤᠨ ᠰᠢᠨ᠎ᠡ ᠬᠠᠮᠢᠶᠠᠷᠤᠯᠳᠠ ᠶᠢᠨ ᠬᠡᠯᠪᠡᠷᠢ ᠲᠠᠢ ᠨᠡᠶᠢᠬᠡᠮ ᠳᠤᠭᠤᠷᠢᠭ ᠢ ᠵᠢᠭᠠᠨ᠎ᠠ᠃35. ᠨᠡᠬᠦᠷᠡᠰᠦᠳᠦ᠋ᠷᠦᠭᠴᠢᠳᠤ ᠰᠤᠯᠢᠯᠴᠠᠭ᠎ᠠ᠄ ᠬᠦᠭᠵᠢᠭᠰᠡᠨ ᠤᠯᠤᠰ ᠠᠴᠠ ᠬᠦᠭᠵᠢᠵᠤ ᠪᠠᠶᠢᠭ᠎ᠠ ᠤᠯᠤᠰ ᠠᠴᠠ ᠨᠡᠬᠦᠷᠡᠰᠦᠳᠦ᠋ᠷᠦᠭᠴᠢ ᠭᠠᠳᠠᠭᠰᠢᠯᠠᠭᠤᠯᠬᠤ ᠵᠢᠭᠠᠯᠳᠠ ᠳᠤᠭ᠎ᠠ ᠶᠢ ᠬᠤᠳᠠᠯᠳᠤᠨ ᠠᠪᠬᠤ ᠶᠢ ᠵᠢᠭᠠᠨ᠎ᠠ᠃ ᠳᠠᠷᠤᠢ ᠵᠠᠬ᠎ᠠ ᠳᠡᠯᠬᠡᠬᠦᠷ ᠤᠨ ᠳᠤᠭᠳᠠᠯᠴᠠᠭ᠎ᠠ ᠪᠠᠷ ᠳᠠᠮᠵᠢᠨ ᠤᠢ ᠰᠢᠭᠤᠢ ᠶᠢᠨ ᠠᠮᠢ ᠠᠬᠤᠢ ᠶᠢᠨ ᠦᠷᠳᠡᠭ ᠤᠨ ᠨᠦᠬᠦᠪᠦᠷᠢ ᠶᠢ ᠪᠡᠶᠡᠯᠡᠬᠦᠯᠬᠦ ᠨᠢᠬᠡᠨ ᠪᠦᠳᠦᠮᠵᠢᠳᠡᠢ ᠠᠷᠭ᠎ᠠ ᠶᠢ ᠵᠢᠭᠠᠨ᠎ᠠ᠃36.  ᠬᠥᠬᠡᠬᠤᠲᠠ᠂ ᠪᠤᠭᠤᠲᠤ᠂ ᠢᠷᠭᠠᠢ᠂ ᠢᠤᠢ ᠯᠢᠨ ᠤ ᠠᠵᠤ ᠠᠬᠤᠢ ᠶᠢᠨ ᠪᠦᠰᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠬᠡᠬᠤᠲᠠ᠂ ᠪᠤᠭᠤᠲᠤ᠂ ᠣᠷᠳᠣᠰ᠂ ᠪᠠᠶᠠᠨᠨᠠᠭᠤᠷ᠂ ᠦᠬᠠᠢ᠂ ᠡᠷᠢᠶᠡᠨ ᠬᠤᠳᠠ᠂ ᠤᠯᠠᠭᠠᠨᠴᠠᠪ ᠤᠨ ᠵᠢᠨᠢᠩ᠂ ᠵᠦᠸᠧᠽᠢ ᠰᠢᠶᠠᠨ᠂ ᠯᠢᠶᠠᠩᠴᠧᠩ ᠰᠢᠶᠠᠨ᠂ ᠹᠧᠩᠵᠧᠨ ᠰᠢᠶᠠᠨ᠂ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤ᠂ ᠠᠯᠠᠱᠠ ᠠᠶᠢᠮᠠᠭ ᠤᠨ ᠠᠯᠱᠠ ᠵᠡᠭᠦᠨ ᠬᠤᠰᠢᠭᠤ᠂ ᠨᠢᠩᠰᠢᠶᠠ ᠶᠢᠨ ᠬᠤᠲᠣᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠢᠷᠭᠠᠢ᠂ ᠱᠢ ᠽᠦᠢ ᠱᠠᠨ᠂ ᠡᠤ ᠵᠥᠩ᠂ ᠳᠡᠷᠡᠰᠦᠨ ᠤ ᠱᠠ ᠫᠥᠸ᠋ ᠲᠸᠦ ᠪᠣᠯᠣᠨ ᠵᠦᠩ ᠨᠢᠩ ᠰᠢᠶᠠᠨ᠂ ᠱᠠᠨᠰᠢ ᠮᠤᠵᠢ ᠶᠢᠨ ᠢᠤᠢ ᠯᠢᠨ ᠵᠡᠷᠭᠡ ᠬᠤᠲᠠ ᠪᠠᠷ ᠪᠦᠷᠢᠯᠳᠦᠭᠰᠡᠨ ᠠᠵᠤ ᠠᠬᠤᠢ ᠶᠢᠨ ᠪᠦᠰᠡ᠃37. ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠠᠵᠤ ᠠᠬᠤᠢ ᠶᠢᠨ ᠪᠦᠰᠡ᠄ ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠲᠡᠮᠦᠷ ᠵᠠᠮ ᠢᠶᠠᠷ ᠬᠤᠯᠪᠣᠭᠠᠰᠤ ᠪᠣᠯᠭᠠᠵᠤ᠂ ᠱᠤᠭᠤᠮ ᠤᠨ ᠳᠠᠭᠠᠤ ᠭᠤᠣᠯ ᠬᠤᠲᠠ ᠪᠠᠷ ᠲᠦᠰᠢᠭ ᠪᠣᠯᠭᠠᠵᠤ᠂ ᠵᠡᠭᠦᠨ ᠪᠠᠷᠠᠭᠤᠨ ᠳᠠᠯᠠᠢ ᠬᠠᠭᠤᠷᠠᠢ ᠶᠢᠨ ᠪᠣᠭᠤᠮᠲᠠ ᠶᠢ ᠭᠠᠳᠠᠭᠠᠳᠤ ᠲᠠᠢ ᠴᠢᠯᠦᠭᠡᠲᠡᠢ ᠶᠠᠪᠤᠯᠴᠠᠬᠤ ︽ᠴᠣᠩᠬᠤᠪᠴᠢ  ︾ ᠪᠣᠯᠭᠠᠨ᠂ ᠰᠢᠨ᠎ᠡ ᠠᠽᠢᠶ᠎ᠠ ᠡᠸᠦ᠋ᠷᠦᠫᠡ ᠶᠢᠨ ᠡᠬᠡ ᠬᠠᠭᠤᠷᠠᠢ ᠶᠢ ᠬᠤᠯᠪᠣᠬᠤ ᠬᠥᠭᠦᠷᠭᠡ ᠳᠤ ᠲᠦᠰᠢᠭᠯᠡᠨ᠂ ᠭᠠᠨᠰᠤ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠡᠯ᠎ᠡ ᠬᠤᠲᠠ ᠭᠠᠵᠠᠷ ᠣᠷᠣᠨ ᠢᠶᠠᠷ ᠪᠦᠷᠢᠯᠳᠦᠭᠰᠡᠨ ᠠᠵᠤ ᠠᠬᠤᠢ ᠶᠢᠨ ᠪᠦᠰᠡ ᠶᠢ ᠵᠢᠭᠠᠨ᠎ᠠ᠃38. ︽ᠬᠤᠶᠠᠷ ᠲᠤ ᠵᠤᠪᠠᠭ᠋ᠤ ᠦᠬᠡᠢ᠂ ᠭᠤᠷᠪᠠᠨ ᠪᠠᠳᠤᠯᠠᠭ᠎ᠠ︾ ᠬᠡᠳᠡᠭ ᠨᠢ  ᠂ 2020 ᠤᠨ ᠪᠤᠯᠬᠤ ᠳᠤ ᠬᠦᠳᠡᠭᠡ ᠳᠤᠰᠬᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠢᠳᠡᠬᠦ ᠪᠠ ᠡᠮᠦᠰᠬᠦ ᠳᠤ ᠵᠤᠪᠠᠭ᠋ᠤ ᠦᠬᠡᠢ ᠪᠠᠶᠢᠬᠤ ᠪᠠ᠂ ᠠᠯᠪᠠᠨ ᠵᠢᠷᠤᠮ ᠤᠨ ᠰᠤᠷᠭᠠᠨ ᠬᠦᠮᠦᠵᠢᠯ᠂ ᠦᠨᠳᠦᠰᠦᠨ ᠡᠮ ᠡᠮᠨᠡᠯᠬᠡ᠂ ᠰᠠᠭᠤᠬᠤ ᠬᠡᠷ ᠤᠨ ᠠᠮᠤᠷ ᠳᠦᠪᠰᠢᠨ ᠤ ᠪᠠᠳᠤᠯᠠᠭ᠎ᠠ ᠶᠢ ᠳᠤᠭᠳᠠᠭᠤᠨ ᠢᠶᠠᠷ ᠪᠡᠶᠡᠯᠡᠬᠦᠯᠬᠦ ᠶᠢ ᠵᠢᠭᠠᠨ᠎ᠠ᠃39. ᠡᠮᠨᠡᠯᠬᠡ ᠶᠢᠨ ᠬᠤᠯᠪᠤᠭᠠᠯᠠᠯ ᠬᠡᠳᠡᠭ ᠨᠢ᠂ ᠪᠦᠰᠡ ᠨᠤᠳᠤᠭ ᠤᠨ ᠡᠮᠨᠡᠯᠬᠡ ᠶᠢᠨ ᠬᠤᠯᠪᠤᠭᠠᠯᠠᠯ ᠢ ᠵᠢᠭᠠᠨ᠎ᠠ᠃ ᠳᠠᠷᠤᠢ ᠠᠳᠠᠯᠢ ᠨᠢᠬᠡᠨ ᠪᠦᠰᠡ ᠨᠤᠳᠤᠭ ᠲᠠᠬᠢ ᠡᠮ ᠡᠮᠨᠡᠯᠬᠡ ᠶᠢᠨ ᠡᠬᠢ ᠪᠠᠶᠠᠯᠢᠭ ᠢ ᠨᠢᠬᠡᠳᠬᠡᠨ᠂ ᠭᠤᠷᠪᠠᠳᠤᠭᠠᠷ ᠳᠡᠰ ᠤᠨ ᠡᠮᠨᠡᠯᠬᠡ ᠶᠢᠨ ᠬᠤᠷᠢᠶ᠎ᠠ᠂ ᠬᠤᠶᠠᠳᠤᠭᠠᠷ ᠳᠡᠰ ᠤᠨ ᠡᠮᠨᠡᠯᠬᠡ ᠶᠢᠨ ᠬᠤᠷᠢᠶ᠎ᠠ᠂ ᠨᠡᠶᠢᠬᠡᠮ ᠳᠤᠭᠤᠷᠢᠭ ᠤᠨ ᠪᠠ ᠬᠦᠳᠡᠭᠡ ᠳᠤᠰᠬᠤᠨ ᠤ ᠡᠮᠨᠡᠯᠬᠡ ᠶᠢᠨ ᠬᠤᠷᠢᠶ᠎ᠠ ᠪᠠᠷ ᠪᠦᠷᠢᠯᠳᠦᠭᠰᠡᠨ ᠡᠮ ᠡᠮᠨᠡᠯᠬᠡ ᠶᠢᠨ ᠬᠤᠯᠪᠤᠭᠠᠯᠠᠯ ᠢ ᠵᠢᠭᠠᠨ᠎ᠠ᠃40. ᠡᠮᠨᠡᠯᠬᠡ ᠶᠢᠨ ᠬᠠᠮᠳᠤᠷᠠᠯ ᠬᠡᠳᠡᠭ ᠨᠢ ᠡᠮ ᠡᠮᠨᠡᠯᠬᠡ ᠶᠢᠨ ᠦᠢᠯᠡᠴᠢᠯᠡᠬᠡᠨ ᠤ ᠬᠠᠮᠳᠤᠷᠠᠯ ᠤᠨ ᠳᠦᠬᠦᠮ ᠨᠡᠷᠡᠶᠢᠳᠦᠯ ᠪᠤᠯᠤᠨ᠎ᠠ᠃ ᠪᠦᠰᠡ ᠨᠤᠳᠤᠭ ᠤᠨ ᠡᠮ ᠡᠮᠨᠡᠯᠬᠡ ᠶᠢᠨ ᠡᠬᠢ ᠪᠠᠶᠠᠯᠢᠭ ᠢ ᠤᠯᠠᠮ ᠨᠢᠬᠡ ᠠᠯᠬᠤᠮ ᠨᠢᠬᠡᠳᠬᠡᠨ ᠬᠠᠮᠳᠤᠪᠠᠷ ᠡᠳ᠋ᠯᠡᠬᠦ ᠶᠢ ᠵᠢᠭᠠᠵᠤ ᠪᠤᠢ᠃ ᠦᠨᠳᠦᠰᠦᠨ ᠡᠮ ᠮᠡᠨᠡᠯᠬᠡ ᠶᠢᠨ ᠦᠢᠯᠡᠴᠢᠯᠡᠬᠡᠨ ᠤ ᠴᠢᠳᠠᠪᠬᠢ ᠶᠢ ᠪᠦᠳᠦᠮᠵᠢᠳᠡᠢ ᠳᠡᠬᠡᠭᠰᠢᠯᠡᠬᠦᠯᠵᠤ᠂ ᠠᠳᠠᠯᠢ ᠪᠤᠰᠤ ᠳᠡᠰ᠂ ᠠᠳᠠᠯᠢ ᠪᠤᠰᠤ ᠳᠦᠷᠦᠯ ᠤᠨ ᠡᠮ ᠡᠮᠨᠡᠯᠬᠡ ᠶᠢᠨ ᠪᠠᠶᠢᠭᠤᠯᠤᠮᠵᠢ ᠬᠤᠭᠤᠷᠤᠨᠳᠤ ᠬᠠᠷᠠᠯᠳᠠ  ᠪᠠ ᠡᠷᠬᠡ ᠡᠬᠦᠷᠬᠡ ᠪᠠᠨ ᠳᠤᠳᠤᠷᠬᠠᠶᠢᠯᠠᠵᠤ᠂ ᠠᠰᠢᠭ ᠳᠤᠰᠠ ᠪᠠ ᠬᠠᠷᠢᠭᠤᠴᠠᠯᠭ᠎ᠠ ᠪᠠᠨ ᠬᠠᠮᠳᠤᠳᠬᠠᠨ᠂ ᠡᠪᠡᠳᠴᠢᠳᠡᠨ ᠳᠤ ᠦᠷᠬᠦᠯᠵᠢᠯᠡᠭᠰᠡᠨ ᠦᠢᠯᠡᠴᠢᠯᠡᠭᠡ ᠬᠠᠩᠭᠠᠵᠤ᠂ ᠦᠨᠳᠦᠰᠦᠨ ᠱᠠᠳᠤᠨ ᠤ ᠠᠩᠬ᠎ᠠ ᠡᠮᠴᠢᠯᠡᠭᠡ᠂ ᠬᠤᠶᠠᠷ ᠳᠡᠰᠢ ᠰᠤᠯᠢᠵᠤ ᠡᠮᠴᠢᠯᠡᠬᠦ᠂ ᠪᠠᠴᠢᠮ ᠪᠠ ᠤᠳᠠᠭᠠᠨ ᠡᠪᠡᠳᠴᠢᠨ ᠢ ᠢᠯᠭᠠᠨ ᠡᠮᠴᠢᠯᠡᠬᠦ᠂ ᠳᠡᠬᠡᠷ᠎ᠡ ᠳᠤᠤᠷ᠎ᠠ ᠬᠦᠳᠡᠯᠦᠩᠬᠦᠢ ᠡᠮᠴᠢᠯᠡᠬᠡᠨ ᠤ ᠬᠡᠯᠪᠡᠷᠢ ᠶᠢ ᠵᠢᠭᠠᠵᠤ ᠪᠠᠶᠢᠨ᠎ᠠ᠃41. ︽ᠡᠮᠨᠡᠯᠬᠡ ᠨᠠᠰᠤᠵᠢᠯ ᠢ ᠤᠶᠠᠯᠳᠤᠭᠤᠯᠤᠭᠰᠠᠨ︾ ᠨᠠᠰᠤᠵᠢᠯ ᠤᠨ ᠦᠢᠯᠡᠴᠢᠯᠡᠭᠡ᠄ ᠡᠮ ᠡᠮᠨᠡᠯᠬᠡ ᠶᠢᠨ ᠡᠬᠢ ᠪᠠᠶᠠᠯᠢᠭ ᠪᠠ ᠨᠠᠰᠤᠵᠢᠯ ᠤᠨ ᠡᠬᠢ ᠪᠠᠶᠠᠯᠢᠭ ᠢ ᠬᠠᠷᠢᠯᠴᠠᠨ ᠤᠶᠠᠯᠳᠤᠭᠤᠯᠵᠤ᠂ ᠡᠮ ᠡᠮᠨᠡᠯᠬᠡ᠂ ᠡᠷᠡᠬᠦᠯᠵᠢᠯ᠂ ᠰᠤᠪᠢᠯᠠᠯᠳᠠ᠂ ᠨᠠᠰᠤᠵᠢᠯ ᠪᠠᠷ ᠨᠢᠬᠡ ᠴᠤᠭᠴᠠ ᠪᠤᠯᠭᠠᠨ᠂ ᠨᠡᠶᠢᠬᠡᠮ ᠤᠨ ᠡᠬᠢ ᠪᠠᠶᠠᠯᠢᠭ ᠢ ᠬᠠᠮᠤᠭ ᠶᠡᠭᠡ ᠬᠡᠮᠵᠢᠶᠡᠨ  ᠳᠤ ᠠᠰᠢᠭᠯᠠᠵᠤ᠂ ᠨᠠᠰᠤᠳᠠᠶᠢᠴᠤᠳ ᠤᠨ ᠡᠮ ᠡᠮᠨᠡᠯᠬᠡ ᠶᠢᠨ ᠪᠠᠳᠤᠯᠠᠭ᠎ᠠ ᠶᠢ ᠰᠠᠶᠢᠨ ᠬᠠᠩᠭᠠᠬᠤ ᠶᠢᠨ ᠳᠤᠰᠠᠳᠠ ᠡᠮ ᠡᠮᠨᠡᠯᠬᠡ ᠶᠢᠨ ᠪᠠᠳᠤᠯᠠᠭ᠎ᠠ ᠲᠠᠢ ᠪᠠᠶᠢᠯᠭᠠᠨ᠎ᠠ᠃42. ︽8+1︾ ᠨᠡᠶᠢᠬᠡᠮ ᠤᠨ ᠠᠪᠤᠷᠠᠨ ᠳᠤᠰᠠᠯᠠᠬᠤ ᠳᠤᠭᠳᠠᠯᠴᠠᠭ᠎ᠠ᠄ 8 ᠬᠡᠳᠡᠭ ᠨᠢ ᠬᠠᠮᠤᠭ ᠳᠤᠤᠷ᠎ᠠ ᠪᠠᠳᠤᠯᠠᠭ᠎ᠠ᠂ ᠤᠨᠴᠠ ᠬᠦᠴᠢᠷᠳᠡᠯᠳᠡᠢ ᠬᠦᠮᠦᠰ᠂ ᠭᠠᠮᠰᠢᠭᠳᠠᠭᠰᠠᠨ ᠬᠦᠮᠦᠰ᠂ ᠡᠮ ᠡᠮᠨᠡᠯᠬᠡ᠂ ᠰᠤᠷᠭᠠᠨ ᠬᠦᠮᠦᠵᠢᠯ᠂ ᠰᠠᠭᠤᠬᠤ ᠬᠡᠷ᠂ ᠠᠵᠢᠯ ᠤᠯᠭᠤᠯᠳᠠ᠂ ᠳᠦᠷ ᠴᠠᠭ ᠤᠨ ᠠᠪᠤᠷᠠᠨ ᠳᠤᠰᠠᠯᠠᠯᠳᠠ ᠶᠢ ᠵᠢᠭᠠᠨ᠎ᠠ᠃ 1 ᠬᠡᠳᠡᠭ ᠨᠢ ᠨᠡᠶᠢᠬᠡᠮ ᠤᠨ ᠬᠦᠴᠦᠨ ᠤᠷᠤᠯᠴᠠᠭ᠎ᠠ ᠶᠢ ᠵᠢᠭᠠᠵᠤ ᠪᠤᠢ᠃ 8 ᠨᠢ ᠵᠠᠰᠠᠭ ᠤᠨ ᠤᠷᠳᠤᠨ ᠤ ᠠᠵᠢᠯᠯᠠᠭ᠎ᠠ᠂ 1 ᠨᠢ ᠨᠡᠶᠢᠬᠡᠮ ᠤᠨ ᠠᠵᠢᠯᠯᠠᠭ᠎ᠠ᠂ ᠨᠡᠶᠢᠯᠡᠬᠡᠳ ᠮᠠᠨ ᠤ ᠤᠯᠤᠰ ᠤᠨ ᠨᠡᠶᠢᠬᠡᠮ ᠤᠨ ᠠᠪᠤᠷᠠᠨ ᠳᠤᠰᠠᠯᠠᠬᠤ ᠪᠦᠷᠢᠨ ᠳᠤᠭᠳᠠᠯᠴᠠᠭ᠎ᠠ ᠶᠢ ᠪᠦᠷᠢᠯᠳᠦᠬᠦᠯᠦᠨ᠎ᠡ᠃.43. ᠨᠠᠢᠮᠠᠨ ᠴᠢᠳᠠᠪᠤᠷᠢ᠄  ᠪᠦᠬᠦ ᠲᠠᠯ᠎ᠠ ᠪᠠᠷ ᠲᠥᠷᠥ ᠪᠠᠷᠢᠬᠤ ᠴᠢᠳᠠᠪᠤᠷᠢ᠂ ᠤᠯᠤᠰ ᠲᠥᠷᠥ ᠪᠠᠷ ᠤᠳᠤᠷᠢᠳᠬᠤ ᠴᠢᠳᠠᠪᠤᠷᠢ᠂ ᠥᠭᠡᠷᠡᠴᠢᠯᠡᠯᠲᠡ ᠬᠢᠵᠦ ᠰᠢᠨᠡᠴᠢᠯᠡᠬᠦ ᠴᠢᠳᠠᠪᠤᠷᠢ᠂ ᠰᠢᠨᠵᠢᠯᠡᠬᠦ ᠤᠬᠠᠭᠠᠨᠴᠢ ᠪᠠᠷ ᠬᠥᠭᠵᠢᠬᠦ ᠴᠢᠳᠠᠪᠤᠷᠢ᠂ ᠬᠠᠤᠯᠢ ᠶᠢ ᠬᠡᠷᠡᠭᠵᠢᠭᠦᠯᠵᠦ  ᠵᠠᠰᠠᠭ ᠪᠠᠷᠢᠬᠤ ᠴᠢᠳᠠᠪᠤᠷᠢ᠂ ᠣᠯᠠᠨ ᠲᠦᠮᠡᠨ ᠤ ᠠᠵᠢᠯ ᠤᠨ ᠴᠢᠳᠠᠪᠤᠷᠢ᠂  ᠴᠢᠩᠭ᠎ᠠ ᠠᠳᠬᠤᠵᠤ ᠬᠡᠷᠡᠭᠵᠢᠭᠦᠯᠬᠦ ᠴᠢᠳᠠᠪᠤᠷᠢ ᠪᠣᠯᠣᠨ ᠠᠶᠤᠯ ᠲᠦᠭᠰᠢᠭᠦᠷᠢ ᠶᠢ ᠡᠵᠡᠮᠳᠡᠬᠦ ᠴᠢᠳᠠᠪᠤᠷᠢ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号