2019 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
ᠨᠢᠭᠡ᠂ 2018 ᠣᠨ ᠤ ᠠᠵᠢᠯ ᠤᠨ ᠡᠷᠭᠢᠴᠡᠬᠦᠯᠦᠯ2018 ᠣᠨ ᠪᠣᠯ ᠪᠦᠬᠦ ᠬᠤᠰᠢᠭᠤ ᠪᠠᠷ ᠢᠶᠠᠨ ᠰᠢᠨ᠎ᠡ ᠪᠠᠶᠢᠳᠠᠯ᠂ ᠰᠢᠨ᠎ᠡ ᠦᠷᠢᠰᠦᠯᠳᠦᠭᠡᠨ ᠤ ᠡᠮᠦᠨ᠎ᠡ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠰᠢᠷᠭᠠᠭᠤ ᠪᠤᠳᠠᠳᠠᠢ ᠠᠵᠢᠯᠯᠠᠭᠰᠠᠨ ᠨᠢᠭᠡ ᠵᠢᠯ ᠮᠦᠷᠳᠡᠬᠡᠨ ᠰᠢᠨ᠎ᠡ ᠬᠦᠭᠵᠢᠯᠳᠡ ᠶᠢᠨ ᠤᠶᠢᠯᠠᠭᠠᠭᠳᠠᠬᠤᠨ ᠢ ᠲᠤᠤᠱᠯᠠᠭᠤᠯᠤᠨ᠂ ᠴᠢᠨᠠᠷᠯᠢᠭ ᠬᠥᠭᠵᠢᠯᠳᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠢᠳᠡᠪᠬᠢᠳᠠᠢ ᠠᠵᠢᠯᠯᠠᠨ᠂ ᠦᠨᠳᠦᠷ ᠪᠦᠳᠦᠮᠵᠢ ᠣᠯᠬᠤ ᠪᠠᠷ ᠴᠢᠷᠮᠠᠶᠢᠭᠰᠠᠨ ᠨᠢᠭᠡ ᠵᠢᠯ ᠪᠤᠯᠤᠨ᠎ᠠ᠃ ᠨᠢᠭᠡ ᠵᠢᠯ ᠤᠨ ᠲᠤᠷᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮᠳᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠥ ᠶᠢᠨ ᠵᠥᠪᠯᠡᠯᠭᠡᠨ ᠤ ᠬᠢᠨᠠᠯᠳᠠ ᠳᠡᠮᠵᠢᠯᠭᠡ ᠲᠤᠤᠷ᠎ᠠ᠂ ᠵᠠᠰᠠᠭ ᠤᠨ ᠤᠷᠳᠤᠨ ᠤ ᠠᠵᠢᠯ ᠤᠨ ᠡᠬᠦᠷᠬᠡ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠬᠡᠨ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠣᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯ ᠳᠤ ᠲᠤᠭᠳᠠᠭᠠᠭᠰᠠᠨ ᠡᠯ᠎ᠡ ᠳᠦᠷᠦᠯ ᠤᠨ ᠬᠠᠷᠠᠯᠲᠠᠳᠤ ᠡᠬᠦᠷᠬᠡ ᠪᠠᠨ ᠨᠡᠯᠢᠶᠡᠳ ᠰᠠᠶᠢᠨ ᠪᠡᠶᠡᠯᠡᠬᠦᠯᠵᠤ᠂ ᠲᠤᠰ ᠬᠤᠭᠤᠴᠠᠭᠠᠨ ᠤ ᠵᠠᠰᠠᠭ ᠤᠨ ᠤᠷᠳᠤᠨ ᠤ ᠠᠵᠢᠯ ᠢᠶᠠᠨ ᠰᠠᠶᠢᠳᠤᠷ ᠡᠬᠢᠯᠡᠬᠦᠯᠪᠡ᠃ ᠵᠢᠱᠢᠯᠲᠡ ᠪᠠᠷ᠂ ᠪᠦᠬᠦ ᠬᠤᠰᠢᠭᠤᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 6.7 % ᠪᠠᠷ ᠨᠡᠮᠡᠭᠳᠡᠪᠡ︔ ᠡᠩ ᠤᠨ ᠨᠡᠶᠢᠲᠡ ᠶᠢᠨ ᠡᠳ᠋ ᠤᠨ ᠵᠠᠰᠠᠭ ᠤᠨ ᠲᠦᠰᠦᠪ ᠤᠨ ᠤᠷᠤᠯᠭ᠎ᠠ ᠶᠢ 10.9 ᠳ᠋ᠦᠩᠰᠢᠭᠤᠷ ᠳᠦᠬᠦᠷᠢᠭ ᠪᠡᠶᠡᠯᠡᠬᠦᠯᠵᠤ᠂ 10.8% ᠪᠠᠷ ᠨᠡᠮᠡᠭᠳᠡᠪᠡ︔ 500 ᠲᠥᠮᠡᠨ ᠲᠥᠭᠦᠷᠢᠭ ᠠᠴᠠ ᠳᠡᠭᠡᠭᠰᠢᠬᠢ ᠳᠤᠭᠳᠠᠮᠠᠯ ᠬᠥᠷᠤᠩᠭᠡ ᠶᠢᠨ ᠪᠡᠯᠡ ᠤᠷᠤᠭᠤᠯᠤᠯᠳᠠ 25% ᠪᠠᠷ ᠪᠠᠭᠤᠷᠠᠪᠠ︔ ᠨᠡᠶᠢᠭᠡᠮ ᠤᠨ ᠬᠡᠷᠡᠭᠯᠡᠬᠡᠨ ᠤ ᠵᠦᠢᠯᠡᠰ ᠤᠨ ᠵᠢᠵᠢᠭᠯᠡᠨ ᠪᠤᠷᠤᠯᠠᠭᠤᠯᠬᠤ ᠶᠡᠷᠦᠩᠬᠡᠢ ᠦᠷᠲᠡᠭ ᠢ 55.1 ᠳ᠋ᠦᠩᠰᠢᠭᠤᠷ ᠳᠦᠬᠦᠷᠢᠭ ᠪᠡᠶᠡᠯᠡᠬᠦᠯᠵᠤ᠂ 8% ᠪᠠᠷ ᠨᠡᠮᠡᠭᠳᠡᠪᠡ︔ ᠬᠤᠳᠠ ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠪᠦᠷᠢ ᠶᠢᠨ ᠲᠡᠭᠰᠢᠳᠬᠡᠭᠰᠡᠨ ᠡᠵᠡᠮᠳᠡᠵᠤ ᠪᠤᠯᠬᠤ ᠤᠷᠤᠯᠭ᠎ᠠ ᠶᠢ ᠲᠤᠰ ᠪᠦᠷᠢ 40131 ᠲᠦᠬᠦᠷᠢᠭ ᠪᠠ 18713 ᠲᠦᠬᠦᠷᠢᠭ ᠲᠤ ᠬᠦᠷᠬᠡᠵᠤ᠂ 7.5% ᠪᠠ 8% ᠪᠠᠷ ᠨᠡᠮᠡᠭᠳᠡᠪᠡ᠃ ᠨᠢᠭᠡ ᠵᠢᠯ ᠤᠨ ᠲᠤᠷᠰᠢ᠂ ᠪᠢᠳᠡ ᠢᠲᠡᠭᠡᠯ ᠢᠶᠠᠨ ᠬᠦᠪᠴᠢᠯᠡᠨ᠂ ᠬᠦᠴᠦ ᠪᠠᠨ ᠡᠷᠴᠢᠯᠡᠵᠤ᠂ ︽ᠭᠤᠷᠪᠠᠨ ᠶᠡᠭᠡ︾ ᠰᠢᠪᠳᠤᠯᠤᠯᠳᠠ ᠶᠢᠨ ᠠᠵᠢᠯ ᠢ ᠪᠦᠬᠦ ᠬᠦᠴᠦ ᠪᠠᠷ ᠰᠠᠶᠢᠳᠤᠷ ᠬᠢᠪᠡ᠃ ᠲᠥᠭᠰᠢᠬᠦᠷᠢ ᠶᠢᠨ ᠳᠠᠯᠳᠠ ᠬᠡᠮ ᠢ ᠳᠤᠭᠳᠠᠭᠤᠨ ᠢᠶᠠᠷ ᠰᠢᠢᠳᠪᠦᠷᠢᠯᠡᠪᠡ᠃ ᠪᠦᠬᠦ ᠵᠢᠯ ᠳᠤ ᠵᠠᠰᠠᠭ ᠤᠨ ᠤᠷᠳᠤᠨ ᠤ ᠥᠷᠢ ᠥᠭᠴᠡᠭᠡ ᠶᠢ 30.34 ᠳ᠋ᠦᠩᠰᠢᠭᠤᠷ ᠳᠦᠬᠦᠷᠢᠭ ᠰᠢᠢᠳᠪᠦᠷᠢᠯᠡᠵᠦ᠂ ᠪᠦᠳᠦᠨ ᠵᠢᠯ ᠤᠨ ᠥᠷᠢ ᠳᠦᠯᠦᠬᠦ ᠡᠬᠦᠷᠬᠡ ᠶᠢᠨ 115% ᠶᠢ ᠭᠦᠢᠴᠡᠳᠬᠡᠪᠡ᠃ ᠡᠬᠦᠨ ᠳᠤ ︽ᠠᠷᠪᠠ ᠶᠢ ᠪᠦᠷᠬᠦᠬᠦᠯᠬᠦ︾ ᠢᠨᠵᠧᠨᠧᠷᠢᠩ ᠤᠨ 3.26 ᠳ᠋ᠦᠩᠰᠢᠭᠤᠷ ᠳᠦᠬᠦᠷᠢᠭ ᠤᠨ ᠥᠷᠢ ᠥᠭᠴᠡᠭᠡ ᠶᠢ ᠪᠦᠬᠦᠨ ᠢ ᠰᠢᠢᠳᠪᠦᠷᠢᠯᠡᠵᠦ᠂ ᠦᠪᠡᠷᠳᠡᠬᠡᠨ ᠵᠠᠰᠠᠬᠤ ᠤᠷᠤᠨ ᠤ 3757 ᠲᠥᠮᠡᠨ ᠲᠥᠭᠦᠷᠢᠭ ᠤᠨ ᠱᠠᠩᠨᠠᠯ ᠤᠨ ᠮᠦᠩᠭᠦ ᠶᠢ ᠴᠢᠷᠮᠠᠶᠢᠨ ᠣᠯᠪᠠ᠃ ᠪᠤᠳᠠᠳᠤ ᠴᠤᠭᠴᠠ ᠶᠢᠨ ᠠᠵᠤ ᠠᠬᠤᠢ ᠶᠢᠨ ᠬᠦᠭᠵᠢᠯᠳᠡ ᠶᠢ ᠶᠡᠬᠡᠪᠡᠷ ᠳᠡᠳᠬᠦᠵᠤ᠂ ᠭᠤᠤᠯᠳᠠᠯᠭᠠᠳᠤ ᠠᠵᠤ ᠠᠬᠤᠶᠢᠯᠠᠯ ᠤᠨ 19.58 ᠳ᠋ᠦᠩᠰᠢᠭᠤᠷ ᠳᠦᠬᠦᠷᠢᠭ ᠤᠨ ᠡᠷᠡᠬᠦᠯ ᠪᠤᠰᠤ ᠵᠢᠬᠡᠯᠡᠯᠬᠡ ᠶᠢ ᠰᠢᠢᠳᠪᠦᠷᠢᠯᠡᠪᠡ᠃ ᠡᠳ᠋ ᠤᠨ ᠵᠠᠰᠠᠭ ᠤᠨ ᠮᠦᠩᠬᠦᠨ ᠬᠦᠢᠯᠬᠡᠬᠡᠨ ᠤ ᠳᠦᠭᠰᠢᠬᠦᠷᠢ ᠶᠡᠷᠦᠩᠬᠡᠢ ᠳᠡᠭᠡᠨ ᠡᠵᠡᠮᠳᠡᠵᠤ ᠪᠣᠯᠬᠤ ᠬᠡᠮᠵᠢᠶᠡᠨ ᠳᠤ ᠪᠠᠶᠢᠨ᠎ᠠ᠃ ᠶᠠᠳᠠᠭᠤ ᠠᠴᠠ ᠠᠩᠬᠢᠵᠢᠷᠠᠭᠤᠯᠬᠤ ᠠᠵᠢᠯ ᠢ ᠠᠮᠵᠢᠯᠳᠠᠳᠠᠢ ᠪᠡᠶᠡᠯᠡᠬᠦᠯᠪᠡ᠃ 2507 ᠳᠦᠮᠡᠨ ᠳᠦᠬᠦᠷᠢᠭ ᠤᠨ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠪᠡᠯᠡ ᠣᠷᠣᠭᠤᠯᠵᠣ᠂ ᠶᠠᠳᠠᠭᠤ ᠶᠢ ᠳᠡᠳᠬᠦᠬᠦ ᠡᠯ᠎ᠡ ᠵᠥᠢᠯ ᠤᠨ ᠠᠷᠭ᠎ᠠ ᠶᠢ ᠤᠨᠤᠪᠴᠢᠲᠠᠢ ᠬᠡᠷᠡᠭᠵᠢᠬᠦᠯᠤᠨ᠂ ᠶᠠᠳᠠᠭᠤ ᠠᠴᠠ ᠠᠩᠬᠢᠵᠢᠷᠠᠭᠤᠯᠬᠤ ᠳᠤ ᠤᠷᠤᠰᠢᠭᠰᠠᠨ ᠠᠰᠠᠭᠤᠳᠠᠯ ᠢ ᠯᠠᠪᠳᠠᠭᠤᠨ ᠢᠶᠠᠷ ᠵᠠᠰᠠᠨ ᠰᠠᠶᠢᠵᠢᠷᠠᠭᠤᠯᠵᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠪᠥᠳᠤᠮᠵᠢ ᠶᠢ ᠥᠷᠬᠦᠯᠵᠢᠯᠡᠨ ᠪᠠᠬᠢᠵᠢᠬᠦᠯᠵᠤ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠴᠢᠨᠰᠠᠭ᠎ᠠ ᠰᠠᠶᠢᠵᠢᠷᠠᠨ᠂ ᠪᠦᠬᠦ ᠬᠤᠰᠢᠭᠤᠨ ᠤ ᠪᠣᠢ ᠪᠦᠬᠦᠢ ᠳᠠᠩᠰᠠᠨ ᠳᠤ ᠪᠦᠷᠢᠳᠬᠡᠭᠳᠡᠵᠤ ᠺᠠᠷᠲ ᠪᠠᠶᠢᠭᠤᠯᠤᠭᠰᠠᠨ ᠶᠠᠳᠠᠭᠤ ᠬᠦᠴᠢᠷᠳᠡᠯᠳᠡᠢ ᠡᠷᠦᠬᠡ  ᠶᠢ ᠶᠠᠳᠠᠭᠤ ᠠᠴᠠ ᠠᠠᠩᠬᠢᠵᠢᠷᠠᠭᠤᠯᠵᠤ᠂ 2018 ᠣᠨ ᠤ 7 ᠰᠠᠷ᠎ᠠ ᠳᠤ ᠦᠪᠡᠷᠳᠡᠬᠡᠨ ᠵᠠᠰᠠᠬᠤ ᠣᠷᠣᠨ ᠠᠴᠠ ᠶᠠᠳᠠᠭᠤ ᠬᠦᠴᠢᠷᠳᠡᠯᠳᠡᠢ ᠬᠤᠰᠢᠭᠤᠨ ᠤ ᠡᠩᠨᠡᠭᠡᠨ ᠠᠴᠠ ᠭᠠᠷᠤᠭᠰᠠᠨ ᠢ ᠵᠠᠷᠯᠠᠪᠠ᠃ᠪᠤᠬᠢᠷᠳᠤᠯ ᠢ ᠰᠡᠷᠬᠡᠶᠢᠯᠡᠨ ᠵᠠᠰᠠᠬᠤ ᠠᠵᠢᠯ ᠦᠷ᠎ᠡ ᠪᠦᠳᠦᠮᠵᠢ ᠤᠯᠪᠠ᠃ ᠪᠦᠬᠦ ᠬᠤᠰᠢᠭᠤ ᠪᠠᠷ ᠢᠶᠠᠨ ᠬᠦᠴᠦ ᠪᠠᠨ ᠬᠠᠮᠳᠤᠳᠬᠠᠨ᠂ 19.2 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ 4 ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ 6 ᠭᠤᠤᠯᠳᠠᠯᠭᠠᠳᠤ ᠤᠷᠤᠨ ᠤ ᠣᠷᠴᠢᠨ ᠳᠤᠭᠤᠷᠢᠨ ᠢ ᠤᠨᠤᠪᠴᠢᠳᠠᠢ ᠴᠡᠭᠴᠡᠯᠡᠬᠦ ᠰᠢᠪᠲᠤᠯᠤᠯᠳᠠ ᠶᠢ ᠦᠷᠬᠦᠯᠵᠢᠯᠡᠨ ᠦᠷᠨᠢᠬᠦᠯᠵᠤ᠂ ᠤᠶᠢᠷ᠎ᠠ ᠬᠠᠪᠢ ᠶᠢᠨ ᠤᠷᠤᠨ ᠨᠤᠲᠤᠭ ᠤᠨ ᠬᠤᠭᠤᠷᠤᠨᠳᠤ ᠪᠠᠨ ᠬᠠᠮᠳᠤᠷᠠᠯᠴᠠᠨ ᠰᠡᠷᠬᠡᠶᠢᠯᠡᠬᠦ᠂ ᠡᠵᠡᠮᠳᠡᠬᠦ᠂ ᠵᠠᠰᠠᠬᠤ ᠲᠣᠭᠳᠠᠯᠴᠠᠭ᠎ᠠ ᠶᠢ ᠪᠤᠢ ᠪᠤᠯᠭᠠᠵᠤ᠂ ᠠᠯᠠᠱᠠ ᠠᠭᠤᠯᠠᠨ ᠤ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠤᠷᠴᠢᠨ ᠲᠤᠭᠤᠷᠢᠨ ᠤ ᠳᠡᠦᠬᠡᠨ ᠥᠯᠡᠳᠡᠭᠳᠡᠯ ᠠᠰᠠᠭᠤᠳᠠᠯ ᠢ ᠬᠠᠮᠳᠤ ᠳᠤᠨᠢ ᠰᠢᠢᠳᠪᠦᠷᠢᠯᠡᠵᠤ᠂ ᠳᠦᠰᠤᠪᠯᠡᠭᠰᠡᠨ ᠵᠤᠷᠢᠯᠳᠠ ᠳᠠᠭᠠᠨ ᠬᠦᠷᠦᠭᠰᠡᠨ ᠪᠠᠶᠢᠨ᠎ᠠ᠃ ᠳᠦᠪ ᠬᠤᠷᠢᠶᠠᠨ ᠤ ᠤᠷᠴᠢᠨ ᠲᠤᠭᠤᠷᠢᠨ ᠢ‌‍ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ︽ᠡᠷᠭᠢᠵᠤ ᠪᠠᠶᠢᠴᠠᠭᠠᠬᠤ︾ ᠠᠴᠠ ᠰᠢᠯᠵᠢᠬᠦᠯᠤᠨ ᠲᠤᠰᠢᠶᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠪᠦᠬᠦᠨ ᠢ ᠵᠠᠯᠠᠷᠠᠭᠤᠯᠪᠠ᠃ ᠠᠮᠢ ᠠᠬᠤᠢ ᠶᠢᠨ ᠤᠷᠴᠢᠨ ᠢ ᠰᠡᠷᠬᠦᠬᠡᠨ ᠵᠠᠰᠠᠬᠤ᠂ ᠵᠢᠵᠢᠭ ᠵᠤᠤᠬ᠎ᠠ ᠶᠢ ᠥᠬᠡᠶᠢᠰᠬᠡᠬᠦ᠂ ᠲᠤᠰᠤ ᠨᠡᠮᠡᠬᠦ ᠦᠷᠳᠡᠭᠡ ᠶᠢ ᠦᠬᠡᠷᠡᠴᠢᠯᠡᠬᠦ ᠵᠡᠷᠬᠡ 83 ᠳᠦᠷᠦᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠪᠡᠶᠡᠯᠡᠬᠦᠯᠵᠤ᠂ ᠪᠠᠶᠠᠨᠬᠤᠳᠠ ᠶᠢᠨ ᠠᠭᠠᠷ ᠤᠨ ᠰᠢᠯᠢᠳᠡᠭ ᠰᠠᠶᠢᠨ ᠡᠳᠦᠷ ᠤᠨ ᠲᠤᠭᠠᠨ ᠤ ᠬᠠᠷᠢᠴᠠᠯ ᠨᠢ 85% ᠳᠤ ᠬᠦᠷᠴᠤ᠂ ᠪᠦᠬᠦ ᠬᠤᠰᠢᠭᠤᠨ ᠤ ᠠᠮᠢ ᠠᠬᠤᠢ ᠶᠢᠨ ᠤᠷᠴᠢᠨ ᠦᠷᠬᠦᠯᠵᠢᠯᠡᠨ ᠰᠠᠶᠢᠵᠢᠷᠠᠪᠠ᠃ᠨᠢᠬᠡ ᠵᠢᠯ ᠤᠨ ᠲᠤᠷᠰᠢ᠂ ᠪᠢᠳᠠ ᠰᠢᠨᠳᠠᠷᠠᠰᠢ ᠦᠬᠡᠢ ᠴᠢᠷᠮᠠᠶᠢᠨ᠂ ᠬᠦᠴᠢᠷ ᠪᠡᠷᠬᠡ ᠶᠢ ᠳᠤᠭᠤᠯᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠶᠢ ᠪᠦᠬᠦ ᠬᠦᠴᠦ ᠪᠠᠷ ᠳᠡᠬᠡᠭᠰᠢᠯᠡᠬᠦᠯᠪᠡ᠃ᠬᠦᠭᠵᠢᠯᠳᠡ ᠶᠢᠨ ᠬᠦᠳᠡᠯᠬᠡᠬᠦ ᠡᠨᠧᠷᠬᠢ ᠤᠯᠠᠮ ᠨᠡᠮᠡᠭᠳᠡᠪᠡ᠃  ᠬᠥᠭᠵᠢᠬᠦᠯᠬᠦ ᠪᠣᠯ ᠳᠡᠷᠢᠬᠦᠨ ᠴᠢᠬᠤᠯᠠ ᠡᠬᠦᠷᠬᠡ ᠬᠡᠳᠡᠭ ᠢ ᠪᠠᠷᠢᠮᠳᠠᠯᠠᠨ᠂ 80 ᠭᠤᠤᠯᠳᠠᠯᠭᠠᠳᠤ ᠲᠦᠷᠦᠯ ᠵᠦᠢᠯ ᠤᠨ ᠪᠠᠷᠢᠯᠭ᠎ᠠ ᠶᠢ ᠡᠬᠢᠯᠡᠬᠦᠯᠵᠤ᠂ 75.8 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠬᠦᠢᠴᠡᠳᠬᠡᠨ᠂ ᠳᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠡᠳ᠋ ᠤᠨ ᠵᠠᠰᠠᠭ ᠤᠨ ᠳᠦᠰᠦᠪ ᠲᠠᠬᠢ 11.65 ᠳ᠋ᠦᠩᠰᠢᠭᠤᠷ ᠳᠦᠬᠦᠷᠢᠭ ᠤᠨ ᠪᠡᠯᠡ ᠮᠦᠩᠬᠦ ᠶᠢ ᠴᠢᠷᠮᠠᠶᠢᠨ ᠤᠯᠵᠡᠢ᠃ ᠠᠷᠠᠯᠵᠢᠶᠠᠴᠢᠨ ᠤᠷᠢᠵᠤ ᠪᠡᠯᠡ ᠤᠷᠣᠭᠤᠯᠬᠤ ᠬᠦᠴᠦᠯᠡᠴᠡ ᠪᠠᠨ ᠨᠡᠮᠡᠭᠳᠡᠬᠦᠯᠵᠤ᠂ ᠴᠡᠪᠡᠷ ᠡᠨᠧᠷᠬᠢ᠂ ᠲᠣᠨᠤᠭ ᠲᠦᠬᠦᠭᠡᠷᠦᠮᠵᠢ ᠦᠢᠯᠡᠳᠪᠦᠷᠢᠯᠡᠬᠦ᠂ ᠪᠠᠯ ᠴᠢᠯᠠᠭᠤ ᠨᠡᠬᠡᠬᠡᠨ ᠠᠰᠢᠭᠯᠠᠬᠤ ᠪᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠬᠡ ᠬᠦᠷᠢᠶ᠎ᠡ ᠴᠠᠷ᠎ᠠ ᠶᠢᠨ ᠲᠤᠭᠤᠷᠢᠨ ᠳᠤ᠂ 31 ᠳᠦᠷᠦᠯ ᠵᠦᠢᠯ ᠤᠨ ᠭᠡᠷ᠎ᠡ ᠲᠤᠭᠳᠠᠵᠤ᠂ 3.5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠵᠤ᠂ ᠱᠧᠨᠵᠧᠨ ᠴᠢᠶᠠᠨ ᠬᠠᠢ ᠺᠤᠮᠫᠠᠨᠢ᠂ ᠬᠤᠨᠠᠨ ᠤ ᠴᠠᠬᠢᠯᠭᠠᠨ ᠬᠦᠴᠦᠨ ᠤ ᠰᠠᠯᠬᠢᠨ ᠡᠨᠧᠷᠬᠢ᠂ ᠦᠪᠦᠷ ᠮᠤᠩᠭᠤᠯ ᠤᠨ ᠴᠠᠬᠢᠯᠭᠠᠨ ᠬᠦᠴᠦᠨ ᠤ ᠪᠦᠳᠦᠬᠡᠨ ᠪᠠᠶᠢᠭᠤᠯᠤᠯᠳᠠ ᠶᠢᠨ ᠺᠣᠮᠫᠠᠨᠢ ᠵᠡᠷᠬᠡ ᠨᠢᠭᠡ ᠬᠡᠰᠡᠭ ᠪᠤᠳᠠᠳᠤ ᠬᠦᠴᠦᠨ ᠨᠢ ᠴᠢᠩᠭ᠎ᠠ᠂ ᠬᠥᠭᠵᠢᠯᠳᠠ ᠶᠢᠨ ᠢᠷᠡᠭᠡᠳᠤᠢ  ᠲᠠᠢ ᠨᠡᠷᠡᠳᠤ ᠰᠤᠳᠣᠨ ᠠᠵᠤ ᠠᠬᠤᠶᠢᠯᠠᠯ ᠢ ᠤᠷᠢᠨ ᠣᠷᠤᠭᠤᠯᠵᠣ᠂ ᠴᠢᠨᠠᠷᠳᠠᠢ ᠬᠦᠭᠵᠢᠯᠳᠡ ᠶᠢ ᠠᠬᠢᠭᠤᠯᠬᠤ ᠳᠤ ᠰᠠᠭᠤᠷᠢ ᠲᠠᠯᠪᠢᠵᠤ ᠦᠭᠴᠡᠢ᠃ᠬᠦᠳᠡᠭᠡ ᠲᠤᠰᠬᠤᠨ ᠤ ᠬᠦᠭᠵᠢᠯᠳᠡ ᠳᠤᠭᠳᠠᠭᠤᠨ ᠢᠶᠠᠷ ᠠᠬᠢᠪᠠ᠃ ᠲᠥᠯᠥᠪᠵᠢᠬᠦᠯᠭᠡ ᠪᠠᠷ ᠤᠳᠤᠷᠢᠳᠤᠮᠵᠢ ᠪᠣᠯᠭᠠᠬᠤ ᠶᠢ ᠴᠢᠩᠭᠠᠳᠬᠠᠨ᠂ ᠪᠠᠷᠢᠮᠵᠢᠶ᠎ᠠ ᠦᠨᠳᠦᠷ᠂ ᠰᠠᠶᠢᠳᠤᠷ ᠡᠬᠢᠯᠡᠯᠳᠡ ᠲᠠᠢ ᠬᠤᠳᠠ ᠬᠦᠳᠡᠭᠡ ᠶᠢᠨ ᠬᠦᠭᠵᠢᠯᠳᠡ ᠶᠢᠨ ᠬᠠᠮᠢᠶ᠎ᠠ ᠪᠦᠬᠦᠢ ᠳᠦᠯᠦᠪᠵᠢᠬᠦᠯᠬᠡ ᠶᠢ ᠨᠠᠶᠢᠷᠠᠭᠤᠯᠵᠤ ᠲᠠᠭᠤᠰᠬᠠᠪᠠ᠃ ᠲᠠᠷᠢᠶᠠᠯᠠᠩ ᠮᠠᠯ ᠠᠵᠤ ᠠᠬᠤᠢ ᠶᠢᠨ ᠴᠢᠨᠠᠷᠯᠢᠭ ᠬᠥᠭᠵᠢᠯᠳᠠ ᠶᠢᠨ ︽ᠠᠷᠪᠠᠨ ᠶᠡᠭᠡ︾ ᠠᠵᠢᠯᠯᠠᠭ᠎ᠠ ᠶᠢ ᠬᠥᠨᠵᠡᠬᠡᠢ ᠬᠡᠷᠡᠭᠵᠢᠭᠦᠯᠵᠤ᠂ ᠬᠠᠨ ᠲᠡᠭᠷᠢ ᠶᠢᠨ ᠮᠠᠯᠴᠢᠨ ᠤ ᠳᠠᠭᠤᠯᠠᠯ ᠤᠨ ᠴᠤᠭᠴᠠᠯᠠᠪᠤᠷᠢ ᠪᠠ ᠪᠠᠷᠠᠭᠤᠨ ᠪᠡᠯ ᠤᠨ ᠲᠠᠷᠢᠶᠠᠯᠠᠩ ᠤᠨ ᠵᠢᠱᠢᠶ᠎ᠡ ᠥᠵᠡᠬᠦᠯᠬᠦ ᠬᠥᠷᠢᠶᠡᠯᠡᠩ ᠵᠡᠷᠭᠡ ᠲᠥᠷᠤᠯ ᠵᠥᠢᠯ ᠢ ᠠᠬᠢᠭᠤᠯᠵᠤ᠂ ᠠᠯᠠᠰᠢᠨ ᠤ ᠦᠬᠡᠷ᠂ ᠠᠯᠠᠰᠢᠨ ᠤ ᠬᠤᠨᠢ ᠢᠮᠠᠭ᠎ᠠ ᠲᠡᠵᠢᠬᠡᠨ ᠦᠷᠡᠵᠢᠬᠦᠯᠬᠦ 10 ᠰᠠᠭᠤᠷᠢᠨ ᠭᠠᠵᠠᠷ᠂ ᠤᠳᠤᠬᠢᠴᠢᠯᠠᠭᠰᠠᠨ ᠰᠠᠭᠠᠯᠢ ᠶᠢᠨ ᠦᠨᠢᠶᠡᠨ ᠤ 4 ᠲᠠᠯᠠᠪᠠᠢ᠂ ᠢᠩᠭᠡᠨ ᠤ ᠰᠦ ᠶᠢᠨ ᠵᠢᠱᠢᠶ᠎ᠡ ᠦᠵᠡᠬᠦᠯᠬᠦ 3 ᠰᠠᠭᠤᠷᠢᠨ ᠭᠠᠵᠠᠷ᠂ ᠠᠮᠢ ᠠᠬᠤᠶᠢᠵᠢᠭᠰᠠᠨ ᠲᠠᠬᠢᠶ᠎ᠡ ᠲᠡᠵᠢᠬᠡᠬᠦ 4 ᠲᠠᠯᠠᠪᠠᠢ᠂ ᠲᠠᠲᠠᠭᠠᠯ ᠤᠨ ᠤᠰᠤ᠂ ᠦᠵᠦᠮ ᠵᠡᠷᠬᠡ 16 ᠬᠦᠳᠡᠭᠡ ᠲᠤᠰᠬᠤᠨ ᠤ ᠵᠢᠭᠤᠯᠴᠢᠯᠠᠯ ᠤᠨ ᠵᠢᠱᠢᠶ᠎ᠡ ᠦᠵᠡᠬᠦᠯᠬᠦ ᠴᠡᠭ ᠢ ᠪᠠᠶᠢᠭᠤᠯᠬᠤ ᠪᠠ ᠳᠡᠰ ᠳᠡᠪᠰᠢᠬᠦᠯᠪᠡ᠃ ᠮᠠᠯᠵᠢᠬᠤ ᠲᠠᠷᠢᠶᠠᠯᠠᠬᠤ ᠤᠷᠤᠨ ᠤ ᠰᠠᠭᠤᠬᠤ ᠤᠷᠴᠢᠨ ᠤ ᠴᠡᠭᠴᠡᠯᠡᠯᠲᠡ ᠶᠢ ᠯᠠᠪᠳᠠᠭᠤᠨ ᠢᠶᠠᠷ ᠥᠷᠨᠢᠬᠦᠯᠵᠤ᠂ 5 ᠰᠤᠮᠤ ᠪᠠᠯᠭᠠᠰᠤᠨ ᠤ 28 ᠲᠤᠷᠰᠢᠯᠳᠠ ᠶᠢᠨ ᠭᠠᠴᠠᠭ᠎ᠠ ᠶᠢᠨ ᠥᠶ᠎ᠡ ᠱᠠᠳᠤ ᠪᠠᠷ ᠴᠡᠭᠴᠡᠯᠡᠬᠦ ᠡᠭᠦᠷᠭᠡ ᠶᠢ ᠪᠡᠶᠡᠯᠡᠬᠦᠯᠪᠡ᠃ ᠠᠯᠠᠱᠠ ᠶᠢᠨ ᠡᠯᠧᠺᠲᠷᠣᠨ ᠬᠤᠳᠠᠯᠳᠤᠭᠠᠨ ᠤ ᠡᠵᠡᠩᠨᠡᠯᠳᠡ ᠶᠢᠨ ᠲᠥᠪ᠂  ᠲᠠᠷᠢᠶᠠᠯᠠᠩ ᠤᠨ ᠶᠡᠷᠤᠩᠭᠡᠶᠢᠯᠡᠭᠰᠡᠨ ᠴᠤᠭᠴᠠ ᠶᠢᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠡᠵᠡᠩᠨᠡᠯᠳᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ᠂ ᠪᠦᠬᠦ ᠠᠶᠢᠮᠠᠭ ᠤᠨ ᠬᠥᠳᠡᠭᠡ ᠲᠤᠰᠬᠤᠨ ᠶᠢ ᠬᠥᠭᠵᠢᠬᠦᠯᠣᠨ ᠮᠠᠨᠳᠣᠭᠤᠯᠬᠤ ᠠᠬᠤᠢ ᠳᠠᠯᠠᠪᠠᠢ ᠶᠢᠨ ᠲᠤᠭᠤᠷᠢᠨ ᠦᠵᠡᠬᠦᠯᠦᠯᠬᠡ ᠶᠢ ᠠᠮᠵᠢᠯᠳᠠᠳᠠᠢ ᠡᠷᠬᠢᠯᠡᠵᠤ᠂ ᠬᠥᠳᠡᠭᠡ ᠲᠤᠰᠬᠤᠨ ᠤ ᠬᠦᠭᠵᠢᠨ ᠮᠠᠨᠳᠤᠯᠳᠠ ᠶᠢ ᠰᠢᠨ᠎ᠡ ᠪᠠᠷ ᠡᠬᠢᠯᠡᠬᠦᠯᠪᠡ᠃ ᠳᠠᠷᠢᠶᠠᠯᠠᠩ ᠮᠠᠯ ᠠᠵᠤ ᠠᠬᠤᠢ ᠶᠢᠨ ᠪᠦᠳᠦᠴᠡ ᠲᠠᠰᠤᠷᠠᠯᠳᠠ ᠦᠬᠡᠢ ᠰᠢᠯᠢᠳᠡᠭᠵᠢᠪᠡ᠃ ᠤᠷᠭᠠᠨᠢᠭ ᠪᠤᠭᠤᠳᠠᠢ᠂ ᠤᠷᠤᠨ ᠨᠤᠲᠤᠭ ᠤᠨ ᠡᠮ ᠤᠨ ᠮᠠᠲ᠋ᠧᠷᠢᠶᠠᠯ᠂ ᠪᠡᠯᠴᠢᠬᠡᠷ ᠤᠨ ᠰᠢᠯᠢᠳᠡᠭ ᠡᠪᠡᠰᠦ ᠵᠡᠷᠬᠡ ᠤᠨᠴᠠᠯᠢᠭᠳᠤ ᠲᠠᠷᠢᠮᠠᠯ ᠤᠨ ᠲᠠᠯᠠᠪᠠᠢ 10 ᠲᠦᠮᠡᠨ ᠮᠤ᠋ ᠳᠤ ᠬᠦᠷᠴᠤ᠂ ᠬᠤᠳᠳᠤᠭ ᠤᠨ ᠤᠰᠤᠯᠠᠯᠳᠠ ᠶᠢᠨ ᠤᠷᠤᠨ ᠳᠤ ᠦᠨᠳᠦᠷ ᠪᠦᠳᠦᠮᠵᠢᠳᠤ ᠤᠰᠤᠨ ᠳᠤ ᠠᠷᠪᠢᠳᠠᠢ ᠤᠰᠤᠯᠠᠯᠳᠠ ᠶᠢᠨ ᠢᠨᠵᠧᠨᠧᠷᠢᠩ ᠢ ᠲᠦᠭᠡᠮᠡᠯ ᠬᠡᠷᠡᠭᠵᠢᠬᠦᠯᠵᠡᠢ᠃ ᠠᠯᠠᠱᠠ ᠶᠢᠨ ᠨᠤᠤᠯᠤᠷ ᠤᠨ ᠴᠠᠭᠠᠨ ᠢᠮᠠᠭ᠎ᠠ᠂ ᠬᠤᠣᠰ ᠪᠦᠬᠦᠳᠤ ᠲᠡᠮᠡᠭᠡ ᠶᠢ ᠲᠡᠵᠢᠭᠡᠨ ᠦᠷᠡᠵᠢᠭᠦᠯᠵᠤ ᠪᠤᠯᠪᠠᠰᠤᠷᠠᠭᠤᠯᠬᠤ 12 ᠪᠠᠷᠢᠮᠵᠢᠶ᠎ᠠ ᠶᠢ ᠳᠤᠭᠲᠠᠭᠠᠨ ᠨᠡᠶᠢᠲᠡᠯᠡᠵᠤ᠂ ᠲᠡᠵᠢᠬᠡᠵᠤ ᠪᠠᠶᠢᠭ᠎ᠠ ᠨᠤᠤᠯᠤᠷ ᠤᠨ ᠴᠠᠭᠠᠨ ᠢᠮᠠᠭ᠎ᠠ ᠶᠢ 32.4 ᠳᠦᠮᠨ᠂ ᠬᠤᠣᠰ ᠪᠦᠬᠦᠳᠤ ᠲᠡᠮᠡᠭᠡ ᠶᠢ 4.1 ᠳᠦᠮᠨ᠂ ᠮᠤᠩᠭᠤᠯ ᠦᠬᠡᠷ ᠢ 1.2 ᠳᠦᠮᠡᠨ ᠲᠤᠭ᠎ᠠ ᠲᠣᠯᠣᠭᠠᠢ ᠳᠤ ᠬᠥᠷᠬᠡᠵᠡᠢ᠃ ᠤᠯᠤᠰ ᠤᠨ ᠦᠮᠴᠢᠯᠡᠯᠳᠤ ᠶᠠᠳᠠᠭᠤ ᠶᠢ ᠲᠡᠳᠬᠦᠬᠦ ᠨᠡᠭᠡᠭᠡᠯᠳᠡ ᠶᠢᠨ ᠺᠣᠮᠫᠠᠨᠢ ᠪᠠᠶᠢᠭᠤᠯᠵᠤ᠂ ᠤᠨᠴᠠᠯᠢᠭᠳᠤ ᠠᠵᠤ ᠥᠢᠯᠡᠰ ᠤᠨ 4 ᠬᠤᠯᠪᠤᠭᠠᠳᠤ ᠴᠤᠭᠴᠠ ᠶᠢ ᠪᠠᠶᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠲᠤᠯᠤᠭᠠᠶᠢᠯᠠᠭᠴᠢ ᠠᠵᠤ ᠠᠬᠤᠶᠢᠯᠠᠯ᠂ ᠲᠤᠰᠬᠠᠶᠢᠵᠢᠭᠰᠠᠨ ᠬᠤᠷᠰᠢᠶᠠᠵᠢᠯ᠂ ᠭᠡᠷ ᠪᠦᠯᠢ ᠶᠢᠨ ᠲᠠᠷᠢᠶᠠᠯᠠᠩ ᠮᠠᠯ ᠠᠵᠤ ᠠᠬᠤᠢ ᠶᠢᠨ ᠲᠠᠯᠠᠪᠠᠢ ᠶᠢ ᠲᠤᠰᠪᠤᠷᠢ 40᠂ 441 ᠪᠠ 1163 ᠡᠷᠤᠬᠡ ᠳᠤ ᠬᠥᠷᠬᠡᠵᠤ᠂ 3.7 ᠳᠦᠮᠡᠨ ᠮᠤ᠋ ᠭᠠᠵᠠᠷ ᠰᠢᠷᠤᠢ ᠪᠠ 30 ᠳᠦᠮᠡᠨ ᠮᠣ᠋ ᠪᠡᠯᠴᠢᠭᠡᠷ ᠡᠬᠡᠯᠵᠢᠯᠡᠭᠦᠯᠦᠨ ᠡᠵᠡᠩᠨᠡᠬᠦᠯᠵᠤ᠂ ᠲᠠᠷᠢᠶᠠᠴᠢᠨ ᠪᠠ ᠠᠵᠤ ᠠᠬᠤᠶᠢᠯᠠᠯ ᠤᠨ ᠦᠷ᠎ᠡ ᠠᠰᠢᠭ ᠤᠨ ᠬᠤᠯᠪᠣᠭᠠᠨ ᠤ ᠲᠤᠭᠲᠠᠯᠴᠠᠭ᠎ᠠ ᠡᠳᠦᠷ ᠢᠷᠡᠬᠦᠶ᠎ᠡ ᠲᠡᠭᠦᠯᠳᠡᠷᠵᠢᠪᠠ᠃ᠠᠵᠤ ᠦᠢᠯᠡᠳᠪᠦᠷᠢ ᠶᠢᠨ ᠠᠵᠤ ᠠᠬᠤᠢ ᠴᠢᠨᠠᠷ ᠢᠶᠠᠨ ᠳᠡᠭᠡᠭᠰᠢᠯᠡᠭᠦᠯᠵᠤ ᠠᠰᠢᠭ ᠢᠶᠠᠨ ᠨᠡᠮᠡᠭᠳᠡᠭᠦᠯᠪᠡ᠃ ᠤᠯᠠᠮᠵᠢᠯᠠᠯᠳᠤ ᠠᠵᠤ ᠦᠢᠯᠡᠰ ᠢ ᠰᠢᠯᠢᠳᠡᠭᠵᠢᠬᠦᠯᠪᠡ᠃ ᠨᠡᠭᠦᠷᠡᠰᠦᠨ ᠤ ᠦᠢᠯᠡᠳᠪᠦᠷᠢᠯᠡᠯ ᠤᠨ ᠬᠦᠴᠦᠨ ᠢ ᠰᠢᠯᠢᠳᠡᠭᠵᠢᠭᠦᠯᠦᠭᠰᠡᠨ ᠭᠠᠷᠤᠯᠳᠠ ᠶᠢᠨ ᠬᠡᠮᠵᠢᠶ᠎ᠡ 30 ᠲᠦᠮᠡᠨ ᠲᠤᠨ ᠳᠤ ᠬᠦᠷᠴᠤ᠂ 5 ᠬᠥᠨᠳᠡᠶᠢᠯᠡᠭᠳᠡᠭᠰᠡᠨ ᠠᠭᠤᠷᠬᠠᠢ ᠳᠠᠬᠢ ᠠᠶᠤᠯ ᠤᠨ ᠴᠡᠭᠴᠡᠯᠡᠯᠳᠡ ᠶᠢᠨ ᠲᠦᠷᠦᠯ ᠵᠦᠢᠯ ᠡᠮᠬᠢ ᠴᠡᠭᠴᠡ ᠲᠠᠢ ᠶᠠᠪᠤᠭᠳᠠᠵᠤ᠂ ᠹᠦ᠋ ᠴᠢᠦᠸᠠᠨ ᠤ ᠨᠡᠬᠦᠷᠡᠰᠦᠨ ᠠᠭᠤᠷᠬᠠᠢ ᠮᠡᠷᠭᠡᠵᠢᠯ ᠢᠶᠠᠨ ᠦᠬᠡᠷᠡᠴᠢᠯᠡᠨ᠂ ᠰᠢᠯᠭᠠᠨ ᠪᠠᠶᠢᠴᠠᠭᠠᠯᠳᠠ ᠶᠢ ᠦᠩᠭᠡᠷᠡᠭᠡᠵᠤ᠂ ᠨᠢᠩ ᠹᠠ᠂ ᠴᠢᠩ ᠯᠢᠩ ᠨᠡᠭᠦᠷᠡᠰᠦᠨ ᠠᠭᠤᠷᠬᠠᠢ ᠶᠢᠨ ᠮᠡᠷᠭᠡᠵᠢᠯ ᠤᠨ ᠦᠭᠡᠷᠡᠴᠢᠯᠡᠯᠳᠡ ᠶᠢᠨ ᠠᠵᠢᠯ ᠯᠠᠪᠳᠠᠭᠤᠨ ᠠᠬᠢᠵᠤ᠂ ᠪᠦᠬᠦ ᠵᠢᠯ ᠳᠤ 570 ᠲᠦᠮᠡᠨ ᠲᠤᠨ ᠨᠡᠭᠦᠷᠡᠰᠦ ᠪᠤᠷᠤᠯᠠᠭᠤᠯᠪᠠ᠃ ᠴᠢᠯᠠᠭᠤᠨ ᠮᠠᠲ᠋ᠧᠷᠢᠶᠠᠯ ᠤᠨ ᠦᠢᠯᠡᠰ ᠢ ᠴᠢᠨᠠᠷᠯᠢᠭ ᠬᠦᠭᠵᠢᠬᠦᠯᠪᠡ᠃ ᠪᠤᠷᠵᠢᠨ ᠴᠢᠯᠠᠭᠤᠨ ᠤ ᠪᠤᠬᠢᠷᠳᠤᠯ ᠦᠬᠡᠢ ᠠᠭᠤᠷᠬᠠᠢ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠵᠤ᠂ ᠴᠢᠯᠠᠭᠤᠨ ᠮᠠᠲ᠋ᠧᠷᠢᠶᠠᠯ ᠤᠨ ᠶᠡᠷᠦᠩᠬᠡᠢ ᠨᠡᠭᠡᠭᠡᠨ ᠠᠰᠢᠭᠯᠠᠯᠳᠠ ᠶᠢᠨ ᠲᠦᠪᠰᠢᠨ ᠢ ᠳᠡᠭᠡᠭᠰᠢᠯᠡᠬᠦᠯᠵᠤ᠂ ᠤᠯᠠᠨ ᠤᠯᠤᠰ ᠤᠨ ᠴᠢᠯᠠᠭᠤᠨ ᠮᠠᠲ᠋ᠧᠷᠢᠶᠠᠯ ᠤᠨ ᠰᠤᠯᠢᠯᠴᠠᠭᠠᠨ ᠤ ᠳᠦᠪ᠂ ᠪᠤᠷᠵᠢᠨ ᠴᠢᠯᠠᠭᠤᠨ ᠤ  ᠬᠠᠶᠠᠭᠳᠠᠯ ᠢ ᠶᠡᠷᠦᠩᠬᠡᠶᠢᠯᠡᠨ ᠠᠰᠢᠭᠯᠠᠬᠤ ᠵᠡᠷᠬᠡ ᠲᠦᠷᠦᠯ ᠵᠦᠢᠯ ᠤᠨ ᠠᠵᠢᠯ ᠤᠷᠤᠭᠰᠢᠳᠠᠢ ᠪᠠᠶᠢᠵᠤ᠂ ᠳᠤᠭᠳᠠᠭᠤᠨ ᠡᠵᠡᠮᠳᠡᠵᠤ ᠪᠤᠯᠬᠤ ᠪᠦᠬᠦ ᠠᠵᠤ ᠦᠢᠯᠡᠰ ᠤᠨ ᠬᠡᠯᠬᠢᠶᠡᠵᠢᠯ ᠢ ᠤᠯᠠᠮ ᠢᠶᠠᠷ ᠪᠤᠢ ᠪᠤᠯᠭᠠᠪᠠ᠃ ᠤᠯᠠᠨᠪᠤᠯᠠᠭ ᠤᠨ ᠰᠢᠨ᠎ᠡ ᠪᠠᠷ ᠬᠦᠭᠵᠢᠵᠤ ᠪᠠᠶᠢᠭ᠎ᠠ ᠠᠵᠤ ᠦᠢᠯᠡᠰ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠤᠨ ᠪᠦᠳᠦᠬᠡᠨ ᠪᠠᠶᠢᠭᠤᠯᠤᠯᠳᠠ ᠶᠢ ᠡᠬᠢᠯᠡᠭᠦᠯᠪᠡ᠃ ᠶᠢᠨ ᠪᠤᠯᠠᠭ ᠲᠠᠯᠠᠰᠵᠢᠭᠰᠠᠨ ᠪᠠᠯ ᠴᠢᠯᠠᠭᠤᠨ ᠠᠭᠤᠷᠬᠠᠢ ᠶᠢ ᠰᠢᠯᠢᠨ ᠰᠣᠩᠭᠤᠬᠤ ᠲᠦᠷᠦᠯ ᠵᠦᠢᠯ ᠨᠢ ᠲᠤᠨᠤᠭ ᠳᠦᠬᠦᠬᠡᠷᠦᠮᠵᠢ ᠤᠭᠰᠠᠷᠠᠬᠤ ᠱᠠᠳᠤᠨ ᠳᠤ ᠣᠷᠣᠵᠣ᠂ ᠣᠯᠠᠨᠪᠤᠯᠠᠭ ᠪᠠ ᠵᠢᠷᠠᠳᠠᠢ ᠶᠢᠨ ᠨᠤᠲᠤᠭ ᠲᠤ ᠴᠢᠯᠠᠭᠤᠨ ᠲᠤᠰᠤ ᠬᠠᠶᠢᠨ ᠪᠠᠶᠢᠴᠠᠭᠠᠬᠤ ᠠᠵᠢᠯ ᠴᠢᠬᠤᠯᠠ ᠰᠢᠪᠲᠣᠯᠣᠯᠳᠠ ᠲᠠᠢ ᠪᠤᠯᠵᠤ᠂ ᠱᠠᠩᠬᠠᠢ ᠰᠦᠮ᠎ᠡ ᠠᠴᠠ ᠱᠠᠨᠳᠦ᠋ᠩ ᠬᠦᠷᠬᠦ ᠦᠨᠳᠦᠷ ᠬᠦᠴᠦᠳᠡᠯᠳᠤ ᠴᠠᠬᠢᠯᠭᠠᠨ ᠤ ᠢᠵᠢ ᠪᠦᠷᠢᠨ ᠰᠡᠷᠭᠦᠭᠡᠭᠳᠡᠬᠦ ᠡᠨᠧᠷᠬᠢ ᠶᠢᠨ ᠰᠠᠭᠤᠷᠢᠨ ᠭᠠᠵᠠᠷ ᠤᠨ ᠲᠦᠯᠦᠪᠵᠢᠬᠦᠯᠭᠡ ᠨᠢ ᠵᠥᠪᠰᠢᠶᠡᠷᠡᠯ ᠣᠯᠵᠣ᠂ 160 ᠳᠦᠮᠡᠨ ᠺᠢᠯᠤᠸᠠᠲ ᠤᠨ ᠰᠠᠯᠬᠢᠨ ᠬᠦᠴᠦᠨ ᠤ ᠴᠠᠬᠢᠯᠭᠠᠨ ︵ᠠᠩᠬᠠᠨ ᠤ ᠬᠤᠭᠤᠴᠠᠭ᠎ᠠ︶ ᠤ ᠲᠦᠷᠦᠯ ᠵᠦᠢᠯ ᠪᠦᠬᠦ ᠲᠠᠯ᠎ᠠ ᠪᠠᠷ ᠠᠬᠢᠵᠤ᠂ ᠠᠵᠤ ᠠᠬᠤᠢ ᠶᠢᠨ ᠬᠦᠭᠵᠢᠯᠳᠡ ᠳᠤ ᠰᠢᠨ᠎ᠡ ᠬᠦᠳᠡᠯᠬᠡᠭᠦ ᠬᠦᠴᠦᠨ ᠬᠠᠩᠭᠠᠭᠰᠠᠨ ᠪᠠᠶᠢᠨ᠎ᠠ᠃ᠡᠯᠡᠰᠦᠨ ᠤ ᠠᠵᠤ ᠦᠢᠯᠡᠰ ᠲᠥᠷᠬᠡᠨ ᠭᠥᠭᠵᠢᠪᠡ᠃ ᠡᠯᠡᠰᠦᠨ ᠤ ᠠᠵᠤ ᠦᠢᠯᠡᠰ ᠤᠨ ᠬᠦᠷᠢᠶᠡᠯᠡᠩ ᠳᠤ ᠣᠷᠣᠬᠤ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ ᠶᠢ ᠲᠤᠭᠳᠠᠭᠠᠵᠤ᠂ ᠠᠯᠠᠱᠠ ᠶᠢᠨ ᠰᠢᠨ᠎ᠡ ᠬᠡᠯᠪᠡᠷᠢ ᠶᠢᠨ ᠠᠵᠤ ᠦᠢᠯᠡᠰ ᠤᠨ ᠰᠢᠨᠵᠢᠯᠡᠭᠡ ᠮᠡᠷᠬᠡᠵᠢᠯ ᠤᠨ ᠦᠢᠯᠡᠰ ᠪᠤᠰᠬᠠᠬᠤ ᠬᠦᠷᠢᠶᠡᠯᠡᠩ ᠤᠨ ᠳᠦᠯᠦᠪᠵᠢᠬᠦᠯᠬᠡ ᠶᠢ ᠨᠠᠶᠢᠷᠠᠭᠤᠯᠵᠤ ᠳᠠᠭᠤᠰᠬᠠᠪᠠ᠃ ᠵᠠᠭ ᠤᠨ ᠴᠠᠭᠠᠨ ᠭᠤᠶᠤᠤ᠂ ᠪᠥᠭᠡᠷᠢᠭ ᠤᠨ ᠤᠯᠠᠭᠠᠨ ᠭᠤᠶᠤᠤ ᠶᠢᠨ ︽ᠵᠠᠭᠤᠨ ᠳᠦᠮᠡᠨ ᠮᠣ᠋︾ ᠰᠠᠭᠤᠷᠢᠨ ᠭᠠᠵᠠᠷ ᠢ ᠲᠠᠰᠤᠷᠠᠯᠳᠠ ᠦᠬᠡᠢ ᠦᠷᠭᠡᠳᠬᠡᠵᠤ᠂ ᠲᠠᠷᠢᠭᠰᠠᠨ ᠳᠠᠯᠠᠪᠠᠢ ᠶᠢ 58.2 ᠲᠦᠮᠡᠨ ᠮᠣ᠋ ᠳᠤ ᠬᠦᠷᠭᠡᠵᠡᠢ᠃ ᠡᠯᠡᠰᠦᠨ ᠤ ᠠᠵᠤ ᠦᠢᠯᠡᠰ ᠤᠨ ᠡᠷᠡᠬᠦᠯᠵᠢᠯ ᠰᠢᠨᠵᠢᠯᠡᠭᠡ ᠮᠡᠷᠬᠡᠵᠢᠯ ᠤᠨ ᠨᠡᠭᠡᠭᠡᠨ ᠰᠤᠳᠤᠯᠬᠤ ᠳᠦᠪ᠂ ᠬᠤᠸᠠ ᠬᠤᠩ ᠰᠢᠨᠵᠢᠯᠡᠭᠡ ᠰᠤᠳᠤᠯᠭᠠᠨ ᠤ ᠦᠢᠯᠡᠳᠪᠦᠷᠢᠯᠡᠯ ᠤᠨ ᠬᠦᠷᠢᠶᠡᠯᠡᠩ ᠵᠡᠷᠬᠡ ᠳᠦᠷᠦᠯ ᠵᠦᠢᠯ ᠢ ᠳᠠᠰᠤᠷᠠᠯᠳᠠ ᠦᠬᠡᠢ ᠠᠬᠢᠭᠤᠯᠪᠠ᠃ ᠬᠤᠩ ᠺᠥᠢ ᠴᠠᠭᠠᠨ ᠭᠤᠶᠤᠤ᠂ ᠮᠠᠨᠳᠤᠯ᠎ᠠ᠂ ᠲᠦᠸᠧ ᠵᠦᠩ ᠸᠠᠩ ᠵᠡᠷᠬᠡ ᠨᠢᠭᠡ ᠬᠡᠰᠡᠭ ᠠᠵᠤ ᠠᠬᠤᠶᠢᠯᠠᠯ ᠬᠦᠭᠵᠢᠨ ᠪᠤᠵᠠᠭᠠᠶᠢᠷᠠᠪᠠ᠃ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠬᠦᠳᠦᠨ ᠦᠢᠯᠡᠰ ᠪᠤᠰᠬᠠᠬᠤ ᠲᠡᠮᠡᠴᠡᠭᠡᠨ᠂ ᠡᠯᠡᠰᠦᠨ ᠤ ᠠᠵᠤ ᠦᠢᠯᠡᠰ ᠤᠨ ᠰᠢᠨ᠎ᠡ ᠶᠢ ᠡᠬᠦᠳᠬᠦ ᠦᠵᠡᠰᠬᠦᠯᠡᠩ᠂ ᠡᠯᠡᠰᠦᠨ ᠤ ᠠᠵᠤ ᠦᠢᠯᠡᠰ ᠤᠨ ᠳᠡᠬᠡᠳᠤ ᠳᠦᠪᠰᠢᠨ ᠤ ᠶᠠᠷᠢᠶᠠᠨ ᠤ ᠲᠠᠪᠴᠠᠩ ᠢ ᠠᠮᠵᠢᠯᠳᠠᠳᠠᠢ ᠡᠷᠬᠢᠯᠡᠵᠤ᠂ ᠡᠯᠡᠰᠦᠨ ᠤ ᠠᠵᠤ ᠦᠢᠯᠡᠰ ᠤᠨ ᠠᠷᠠᠯᠵᠢᠶᠠᠴᠢᠳ ᠤᠨ ᠡᠪᠯᠡᠯ᠂ ᠡᠯᠡᠰᠦᠨ ᠤ ᠠᠵᠤ ᠦᠢᠯᠡᠰ ᠤᠨ ᠮᠡᠷᠬᠡᠵᠢᠯ ᠢ ᠡᠬᠦᠳᠬᠦ ᠠᠷᠭ᠎ᠠ ᠪᠤᠳᠤᠯᠭ᠎ᠠ ᠶᠢᠨ ᠬᠤᠯᠪᠤᠭ᠎ᠠ ᠪᠠ ᠡᠯᠡᠰᠦᠨ ᠤ ᠠᠵᠤ ᠦᠢᠯᠡᠰ ᠤᠨ ᠰᠢᠨ᠎ᠡ ᠶᠢ ᠡᠬᠦᠳᠦᠨ ᠦᠢᠯᠡᠰ ᠪᠤᠰᠬᠠᠬᠤ ᠳᠡᠭᠡᠳᠤ ᠰᠤᠷᠭᠠᠭᠤᠯᠢ ᠶᠢ ᠪᠠᠶᠢᠭᠤᠯᠵᠤ᠂ ᠪᠦᠬᠦ ᠤᠯᠤᠰ ᠤᠨ ᠲᠡᠷᠡᠴᠢᠯᠡᠨ ᠤᠯᠠᠨ ᠤᠯᠤᠰ ᠤᠨ ᠵᠢᠱᠢᠶ᠎ᠡ ᠦᠵᠡᠬᠦᠯᠬᠦ ᠪᠠ ᠤᠳᠤᠷᠢᠳᠤᠨ ᠳᠠᠭᠠᠭᠤᠯᠬᠤ ᠦᠢᠯᠡᠳᠦᠯ ᠲᠠᠢ ᠡᠯᠡᠰᠦᠨ ᠤ ᠠᠵᠤ ᠦᠢᠯᠡᠰ ᠤᠨ ᠬᠦᠭᠵᠢᠯᠳᠡ ᠶᠢᠨ ᠰᠢᠨ᠎ᠡ ᠬᠡᠯᠪᠡᠷᠢ ᠶᠢ ᠪᠤᠢ ᠪᠤᠯᠭᠠᠪᠠ᠃ᠰᠤᠶᠤᠯ ᠵᠢᠭᠤᠯᠴᠢᠯᠠᠯ ᠤᠨ ᠦᠢᠯᠡᠰ ᠰᠢᠨ᠎ᠡ ᠰᠢᠪᠳᠤᠯᠤᠯᠳᠠ ᠲᠠᠢ ᠪᠣᠯᠪᠠ᠃ ᠬᠦᠰᠡᠯ ᠮᠦᠷᠦᠬᠡᠳᠦᠯ ᠤᠨ ᠡᠯᠡᠰᠣ ᠮᠠᠩᠬᠠᠨ ᠤ ᠴᠡᠴᠡᠷᠯᠢᠭ᠂ ᠡᠷᠬᠡᠬᠠᠰᠬ᠎ᠠ ᠶᠢᠨ ᠦᠵᠡᠮᠵᠢ ᠶᠢᠨ ᠤᠷᠤᠨ᠂ ᠤᠪᠣᠭ᠎ᠠ ᠴᠡᠴᠡᠷᠯᠢᠭ ᠵᠡᠷᠬᠡ 5 ᠲᠦᠷᠦᠯ ᠤᠨ ᠪᠦᠳᠦᠬᠡᠨ ᠪᠠᠶᠢᠭᠤᠯᠵᠤ ᠳᠡᠰ ᠳᠡᠪᠰᠢᠬᠦᠯᠬᠦ ᠢᠨᠵᠧᠨᠧᠷᠢᠩ ᠢ ᠪᠡᠶᠡᠯᠡᠬᠦᠯᠪᠡ᠃ ᠡᠯᠡᠰᠦ ᠮᠠᠩᠬᠠᠨ ᠤ ᠬᠠᠴᠢᠨ ᠴᠢᠯᠠᠭᠤᠨ ᠤ ᠰᠤᠶᠤᠯ ᠤᠨ ᠠᠵᠤ ᠦᠢᠯᠡᠰ ᠤᠨ ᠬᠦᠷᠢᠶᠡᠯᠡᠩ ᠤᠨ 4A ᠳᠡᠰ ᠤᠨ ᠦᠵᠡᠮᠵᠢ ᠶᠢᠨ ᠤᠷᠤᠨ᠂ ᠡᠯᠡᠰᠦᠨ ᠤ ᠠᠵᠤ ᠦᠢᠯᠡᠰ ᠤᠨ ᠰᠢᠨᠵᠢᠯᠡᠭᠡ ᠮᠡᠷᠬᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ ᠤᠨ 3A ᠳᠡᠰ ᠤᠨ ᠦᠵᠡᠮᠵᠢ ᠶᠢᠨ ᠤᠷᠤᠨ ᠢ ᠴᠤᠭᠴᠠᠯᠠᠨ ᠪᠠᠶᠢᠭᠤᠯᠬᠤ ᠶᠢ ᠠᠬᠢᠭᠤᠯᠪᠠ᠃ ︽ᠠᠯᠠᠱᠠ ᠬᠠᠰ ᠤᠨ ᠰᠡᠶᠢᠯᠦᠮᠡᠯ︾ ᠣᠷᠣᠨ ᠨᠣᠲᠤᠭ ᠤᠨ ᠡᠳ᠋ ᠪᠠᠷᠠᠭᠠᠨ ᠤ ᠲᠡᠮᠳᠡᠭ ᠤᠨ ᠳᠠᠩᠰᠠᠯᠠᠯᠳᠠ ᠶᠢ ᠬᠦᠢᠴᠡᠳᠬᠡᠪᠡ᠃ ᠠᠷᠪᠠᠨ ᠭᠤᠷᠪᠠᠳᠤᠭᠠᠷ ᠬᠤᠭᠤᠴᠠᠭᠠᠨ ᠤ ᠬᠡᠬᠡᠷᠡᠯᠡᠨ ᠳᠤᠭᠤᠯᠬᠤ e ᠠᠩᠭᠢ · ᠠᠯᠠᠱᠠ ᠶᠢᠨ ᠪᠠᠭᠠᠳᠤᠷᠴᠤᠳ᠂ ᠠᠯᠠᠱᠠ ᠬᠠᠰ·ᠦᠵᠡᠮᠦᠷᠢ ᠶᠢᠨ ᠴᠢᠯᠠᠭᠤᠨ ᠤ ᠰᠤᠶᠤᠯ ᠵᠢᠭᠤᠯᠴᠢᠯᠠᠯ ᠤᠨ ᠪᠠᠶᠠᠷ ᠵᠢᠴᠢ ᠰᠤᠯᠢᠯᠴᠠᠭᠠᠨ ᠤ ᠦᠵᠡᠰᠬᠦᠯᠡᠩ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠤᠶᠠᠳᠤᠭᠠᠷ ᠬᠤᠭᠤᠴᠠᠭᠠᠨ ᠤ ᠲᠡᠮᠡᠬᠡᠨ ᠤ ᠨᠠᠭᠠᠳᠤᠮ᠂ ᠤᠯᠠᠨ ᠤᠯᠤᠰ ᠤᠨ ᠲᠣᠷᠭᠠᠨ ᠵᠠᠮ ᠤᠨ ᠮᠠᠰᠢᠨ ᠲᠡᠷᠭᠡᠨ ᠤ ᠬᠦᠴᠦ ᠵᠠᠯᠭᠠᠬᠤ ᠤᠷᠤᠯᠳᠤᠭᠠᠨ᠂ ᠳᠤᠯᠤᠳᠤᠭᠠᠷ ᠬᠤᠭᠤᠴᠠᠭᠠᠨ ᠤ ︽ᠠᠽᠢᠶ᠎ᠠ ᠨᠤᠮᠤᠬᠠᠨ ᠳᠠᠯᠠᠢ ᠶᠢᠨ ᠣᠷᠣᠨ ᠤ ᠬᠤᠳᠠᠯᠳᠤᠭᠠᠨ ᠤ ᠳᠡᠭᠡᠳᠤ ᠰᠤᠷᠭᠠᠭᠤᠯᠢ ᠶᠢᠨ ᠡᠯᠡᠰᠣ ᠮᠠᠩᠬᠠᠨ ᠳᠠᠬᠢ ᠲᠡᠮᠡᠴᠡᠭᠡᠨ︾ ᠵᠡᠷᠬᠡ 48 ᠳᠦᠷᠦᠯ ᠤᠨ ᠠᠵᠢᠯᠯᠠᠭ᠎ᠠ ᠶᠢ ᠠᠮᠵᠢᠯᠳᠠᠳᠠᠢ ᠡᠷᠬᠢᠯᠡᠪᠡ᠃ ᠪᠦᠬᠦ ᠵᠢᠯ ᠳᠤ 706 ᠲᠦᠮᠡᠨ ᠬᠦᠮᠦᠨ ᠤᠳᠠᠭ᠎ᠠ ᠵᠢᠭᠤᠯᠴᠢᠳ ᠢ ᠬᠦᠯᠢᠶᠡᠨ ᠠᠪᠴᠤ᠂ ᠵᠢᠭᠤᠯᠴᠢᠯᠠᠯ ᠤᠨ ᠤᠷᠤᠯᠭ᠎ᠠ 64 ᠳ᠋ᠦᠩᠰᠢᠭᠤᠷ ᠳᠦᠬᠦᠷᠢᠭ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ ᠳᠤᠰᠪᠤᠷᠢ 38% ᠪᠠ 47% ᠪᠠᠷ ᠨᠡᠮᠡᠭᠳᠡᠪᠡ᠃ ᠣᠨᠴᠠᠭᠠᠶᠢᠯᠠᠨ ᠠᠯᠠᠱᠠ ᠶᠢᠨ ᠪᠠᠭᠠᠳᠤᠷᠴᠤᠳ ᠤᠨ ᠴᠤᠭᠯᠠᠭᠠᠨ ᠨᠢ ᠤᠯᠤᠰ ᠤᠨ ᠪᠠᠶᠠᠷ ᠤᠨ ᠬᠤᠭᠤᠴᠠᠭᠠᠨ ᠳᠠᠬᠢ ᠵᠠᠭᠤᠴᠢᠯᠠᠭᠤᠷ ᠤᠨ ᠠᠩᠬᠠᠷᠤᠯ ᠤᠨ ᠳᠦᠪ ᠪᠤᠯᠵᠤ᠂ ᠨᠡᠶᠢᠲᠡ ᠨᠡᠪᠳᠡᠷᠡᠬᠦᠯᠦᠭᠰᠡᠨ ᠬᠡᠮᠵᠢᠶ᠎ᠡ ᠨᠢ 4000 ᠭᠠᠷᠤᠢ ᠳᠦᠮᠡᠨ ᠤᠳᠠᠭ᠎ᠠ ᠳᠤ ᠬᠦᠷᠴᠤ᠂ ︽ᠬᠠᠨ ᠲᠡᠭᠷᠢ ᠠᠯᠠᠱᠠ︾  ᠶᠢᠨ ᠨᠡᠷᠡᠳᠤ ᠳᠡᠮᠳᠡᠭ ᠨᠢ ᠤᠯᠠᠮ ᠠᠯᠳᠠᠷᠰᠢᠪᠠ᠃ᠨᠢᠭᠡ ᠵᠢᠯ ᠤᠨ ᠲᠤᠷᠰᠢ᠂ ᠪᠢᠳᠡ ᠰᠠᠭᠤᠷᠢ ᠪᠠᠨ ᠪᠠᠳᠤᠳᠬᠠᠨ᠂ ᠤᠷᠴᠢᠨ ᠢᠶᠠᠨ ᠰᠢᠯᠢᠳᠡᠭᠵᠢᠭᠦᠯᠵᠤ᠂ ᠬᠥᠭᠵᠢᠬᠦᠯᠬᠦ ᠨᠦᠬᠦᠴᠡᠯ ᠢᠶᠠᠨ ᠪᠦᠬᠦ ᠬᠦᠴᠦ ᠪᠠᠷ ᠰᠠᠶᠢᠵᠢᠷᠠᠭᠤᠯᠪᠠ᠃ᠠᠮᠢ ᠠᠬᠤᠢ ᠶᠢᠨ ᠠᠮᠤᠷ ᠳᠦᠪᠰᠢᠨ ᠤ ᠬᠠᠯᠬᠠᠪᠴᠢ ᠲᠠᠰᠤᠷᠠᠯᠳᠠ ᠦᠬᠡᠢ ᠬᠦᠴᠦᠷᠬᠡᠭᠵᠢᠪᠡ᠃ ᠠᠯᠠᠱᠠ ᠵᠡᠬᠦᠨ ᠬᠤᠰᠢᠭᠤᠨ ᠤ ᠤᠯᠤᠰ ᠤᠨ ᠳᠡᠰ ᠤᠨ ᠭᠤᠤᠯᠳᠠᠯᠭᠠᠳᠤ ᠠᠮᠢ ᠠᠬᠤᠢ ᠶᠢᠨ ᠴᠢᠳᠠᠮᠵᠢ ᠶᠢᠨ ᠤᠷᠤᠨ ᠳᠤ ᠤᠷᠣᠬᠤ ᠶᠢ ᠬᠢᠵᠠᠭᠠᠷᠯᠠᠭᠰᠠᠨ ᠠᠵᠤ ᠦᠢᠯᠡᠰ ᠤᠨ ᠵᠢᠭᠰᠠᠭᠠᠯᠳᠠ ᠶᠢ ᠲᠤᠭᠳᠠᠭᠠᠵᠤ᠂ ᠠᠩᠬᠠᠨ ᠤ ᠠᠯᠬᠤᠮ ᠳᠤ ᠠᠮᠢ ᠠᠬᠤᠢ ᠶᠢᠨ ᠬᠤᠷᠢᠭ᠎ᠠ ᠱᠤᠭᠤᠮ ᠤᠨ ᠳᠠᠯᠠᠪᠠᠢ ᠶᠢ 4.8 ᠳᠦᠮᠡᠨ ᠲᠡᠭᠰᠢ ᠳᠦᠷᠪᠡᠯᠵᠢᠨ ᠺᠢᠯᠤᠮᠧᠲᠷ ᠢᠶᠠᠷ ᠲᠤᠭᠲᠠᠭᠠᠵᠤ᠂ ᠪᠥᠬᠦ ᠬᠤᠰᠢᠭᠤᠨ ᠤ ᠶᠡᠷᠤᠩᠭᠡᠢ ᠲᠠᠯᠠᠪᠠᠢ ᠶᠢᠨ 60% ᠶᠢ ᠡᠵᠡᠯᠡᠪᠡ᠃ ᠨᠤᠲᠤᠭ ᠪᠡᠯᠴᠢᠭᠡᠷ ᠤᠨ ᠨᠦᠬᠦᠪᠦᠷᠢ᠂ ᠨᠡᠶᠢᠲᠡ ᠶᠢᠨ ᠠᠰᠢᠭᠲᠤ ᠤᠢ ᠶᠢᠨ ᠠᠮᠢ ᠠᠬᠤᠢ ᠶᠢᠨ ᠨᠦᠬᠦᠪᠦᠷᠢ ᠵᠡᠷᠬᠡ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠤ᠂ ᠨᠢᠭᠤᠴᠠ ᠪᠠᠷ ᠮᠠᠯᠵᠢᠬᠤ ᠬᠡᠳᠦᠷᠬᠡᠢ ᠮᠠᠯᠵᠢᠬᠤ ᠪᠠ ᠬᠤᠯᠠᠭᠠᠢ ᠪᠠᠷ ᠬᠥᠷᠤᠬᠡᠯᠡᠵᠤ ᠳᠤᠷ᠎ᠠ ᠪᠠᠷ ᠢᠶᠠᠨ ᠮᠠᠯᠲᠠᠬᠤ ᠵᠡᠷᠬᠡ ᠬᠠᠤᠯᠢ ᠵᠦᠷᠢᠴᠡᠭᠰᠡᠨ 440 ᠢᠯᠡᠬᠦᠤ ᠠᠵᠢᠯᠯᠠᠭ᠎ᠠ ᠳᠤ ᠴᠤᠬᠢᠯᠳᠠ ᠦᠭᠴᠡᠢ᠃ ᠠᠭᠤᠯᠠ᠂ ᠤᠰᠤ ᠂ ᠤᠢ ᠮᠤᠳᠤ᠂ ᠲᠠᠷᠢᠶ᠎ᠠ᠂ ᠡᠪᠡᠰᠦ᠂ ᠡᠯᠡᠰᠦᠨ ᠤ ᠬᠠᠮᠠᠭᠠᠯᠠᠯᠳᠠ ᠴᠡᠭᠴᠡᠯᠡᠯᠳᠡ ᠶᠢ ᠨᠢᠭᠡᠳᠦᠯᠳᠡᠢ ᠲᠦᠯᠦᠪᠵᠢᠬᠦᠯᠵᠤ᠂  ︽ᠭᠤᠣᠯ ᠭᠤᠷᠤᠬ᠎ᠠ ᠨᠠᠭᠤᠷ ᠴᠦᠬᠦᠷᠦᠮ ᠤᠨ ᠲᠠᠷᠤᠭ᠎ᠠ︾ ᠶᠢᠨ ᠬᠠᠮᠢᠶᠠᠷᠤᠯᠳᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠥᠮᠤᠨ ᠤ ᠬᠥᠴᠦ ᠪᠠᠷ 69.9 ᠲᠦᠮᠡᠨ ᠮᠣ᠋᠂ ᠡᠯᠡᠰᠦ ᠶᠢ ᠬᠤᠷᠢᠭᠯᠠᠨ ᠣᠶᠢᠵᠢᠭᠤᠯᠣᠭᠰᠠᠨ ᠲᠠᠯᠠᠪᠠᠢ 2 ᠳᠦᠮᠡᠨ ᠮᠣ᠋᠂ ᠨᠢᠰᠬᠡᠯ ᠢᠶᠠᠷ ᠣᠶᠢᠵᠢᠭᠤᠯᠣᠭᠰᠠᠨ ᠲᠠᠯᠠᠪᠠᠢ 30 ᠲᠦᠮᠡᠨ ᠮᠣ᠋᠂ ᠭᠤᠤᠯᠳᠠᠯᠭᠠᠳᠤ ᠣᠷᠣᠨ ᠳᠤ 11.7 ᠲᠦᠮᠡᠨ ᠮᠣ᠋ ᠥᠢᠵᠢᠭᠤᠯᠵᠤ᠂ ᠪᠡᠯᠴᠢᠭᠡᠷ ᠰᠡᠷᠭᠦᠬᠡᠵᠤ ᠡᠬᠡᠯᠵᠢᠯᠡᠨ ᠮᠠᠯᠵᠢᠭᠰᠠᠨ ᠲᠠᠯᠠᠪᠠᠢ 80 ᠲᠥᠮᠡᠨ ᠮᠣ᠋ ᠳᠤ ᠬᠥᠷᠴᠤ᠂ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠲᠤᠰᠪᠤᠷᠢ 24% ᠪᠠ 12.5% ᠳᠤ ᠬᠦᠷᠴᠡᠢ᠃ ᠰᠠᠭᠤᠷᠢ ᠳᠦᠬᠦᠬᠡᠷᠦᠮᠵᠢ ᠶᠢᠨ ᠪᠦᠳᠦᠬᠡᠨ ᠪᠠᠶᠢᠭᠤᠯᠤᠯᠳᠠ ᠡᠳᠦᠷ ᠢᠷᠡᠬᠦᠶ᠎ᠡ ᠳᠡᠬᠦᠯᠳᠡᠷᠵᠢᠪᠡ᠃ ᠪᠡᠶᠡᠨᠬᠤᠲᠠ ᠠᠴᠠ ᠪᠠᠭᠠᠲᠤᠷᠴᠤᠳ ᠤᠨ ᠴᠤᠭᠯᠠᠭᠠᠨ ᠬᠦᠷᠬᠦ ᠵᠠᠰᠠᠮᠠᠯ ᠵᠠᠮ ᠤᠨ ᠪᠦᠳᠦᠬᠡᠨ ᠪᠠᠶᠢᠭᠤᠯᠤᠯᠳᠠ ᠨᠢ ᠠᠬᠢᠴᠠ ᠲᠠᠢ ᠪᠠᠶᠢᠵᠤ᠂ ᠲᠣᠯᠢ ᠠᠴᠠ ᠳᠡᠷᠡᠰᠦᠨ ᠬᠦᠷᠬᠦ ᠨᠢᠬᠡᠳᠦᠬᠡᠷ ᠳᠡᠰ ᠤᠨ ᠵᠠᠰᠠᠮᠠᠯ ᠵᠠᠮ ᠨᠢ ᠲᠡᠷᠬᠡ ᠨᠡᠪᠳᠡᠷᠡᠬᠦ ᠨᠦᠬᠦᠴᠡᠯ ᠳᠤ ᠭᠦᠷᠴᠤ᠂ S312 ᠵᠡᠷᠬᠡ ᠵᠠᠰᠠᠮᠠᠯ ᠵᠠᠮ ᠢ ᠰᠢᠨᠡᠳᠬᠡᠨ ᠵᠠᠰᠠᠵᠡᠢ  ᠃ ᠪᠠᠶᠠᠨᠬᠤᠳᠠ ᠠᠴᠠ ᠴᠥᠩᠴᠢᠩ ᠤᠷᠤᠭᠤ ᠰᠢᠭᠤᠳ ᠨᠢᠰᠬᠦ ᠨᠢᠰᠭᠡᠯ ᠤᠨ ᠱᠣᠭᠤᠮ ᠢ ᠨᠡᠪᠳᠡᠷᠡᠭᠦᠯᠵᠤ᠂ ᠠᠯᠠᠱᠠ ᠵᠡᠬᠦᠨ ᠬᠤᠰᠢᠭᠤᠨ ᠤ ᠠᠵᠢᠯ ᠤᠨ ᠬᠡᠷᠡᠭᠯᠡᠭᠡᠨ ᠤ ᠨᠢᠰᠬᠡᠯ ᠤᠨ ᠰᠠᠯᠪᠤᠷᠢ ᠱᠣᠭᠤᠮ ᠤᠨ ᠳᠡᠰ ᠳᠡᠪᠰᠢᠬᠦᠯᠬᠦ ᠪᠠ ᠪᠠᠶᠠᠨᠬᠤᠳᠠ ᠠᠴᠠ ᠢᠷᠭᠠᠢ ᠬᠥᠷᠬᠦ ᠲᠥᠷᠭᠡᠨ ᠤ ᠲᠡᠮᠤᠷ ᠵᠠᠮ ᠢ ᠳᠡᠪᠢᠰᠬᠦ ᠪᠡᠯᠡᠳᠭᠡᠯ ᠠᠵᠢᠯ ᠢ ᠡᠮᠬᠢ ᠴᠡᠭᠴᠡ ᠲᠠᠢ ᠠᠬᠢᠭᠤᠯᠵᠡᠢ᠃ ᠰᠤᠬᠤᠨᠳᠤ᠂ ᠵᠡᠬᠦᠨ ᠪᠡᠯ ᠵᠡᠷᠬᠡ ᠭᠠᠵᠠᠷ ᠤᠨ ᠴᠠᠬᠢᠯᠭᠠᠨ ᠤ ᠬᠦᠴᠦᠳᠡᠯ ᠦᠬᠡᠷᠡᠴᠢᠯᠡᠬᠦ ᠢᠨᠵᠧᠨᠧᠷᠢᠩ ᠤᠨ ᠠᠵᠢᠯ ᠢ ᠡᠬᠢᠯᠡᠬᠦᠯᠵᠤ᠂ 40.1 ᠺᠢᠯᠤᠮᠧᠲᠷ ᠲᠠᠷᠢᠶᠠᠯᠠᠩ ᠤᠨ ᠴᠠᠬᠢᠯᠭᠠᠨ ᠲᠤᠤᠷ ᠢ ᠳᠡᠰ ᠳᠡᠪᠰᠢᠬᠦᠯᠵᠤ ᠦᠬᠡᠷᠡᠴᠢᠯᠡᠪᠡ᠃ ᠴᠠᠬᠠᠷ ᠤᠨ ᠤᠰᠤᠯᠠᠯᠳᠠ ᠶᠢᠨ ᠤᠷᠤᠨ ᠤ ᠥᠶᠡᠷ ᠤᠨ ᠬᠠᠰᠢᠯᠭ᠎ᠠ ᠶᠢ ᠪᠠᠬᠢᠵᠢᠬᠦᠯᠪᠡ᠃ ᠳᠤᠯᠠᠭᠠᠯᠠᠯᠭ᠎ᠠ᠂ ᠰᠢᠲᠠᠮᠠᠬᠠᠢ ᠬᠡᠢ ᠶᠢᠨ ᠬᠠᠩᠭᠠᠯᠭ᠎ᠠ᠂ ᠣᠰᠤ ᠬᠠᠩᠭᠠᠭᠠᠵᠤ ᠭᠠᠳᠠᠭᠰᠢᠯᠠᠭᠤᠯᠬᠤ ᠵᠡᠷᠬᠡ ᠬᠤᠭᠤᠯᠠᠢ ᠶᠢ 13.2 ᠺᠢᠯᠤᠮᠧᠲᠷ ᠰᠢᠨ᠎ᠡ ᠪᠠᠷ ᠨᠡᠮᠡᠭᠳᠡᠬᠦᠯᠵᠡᠢ᠃ ᠪᠦᠬᠦ ᠬᠤᠰᠢᠭᠤᠨ ᠤ ᠭᠠᠴᠠᠭ᠎ᠠ ᠳᠤᠰᠬᠤᠨ ᠳᠤ ᠢᠨᠲ᠋ᠧᠷ ᠰᠦᠯᠵᠢᠶ᠎ᠡ ᠶᠢ ᠲᠥᠬᠡᠮᠡᠯᠵᠢᠬᠦᠯᠵᠡᠢ᠃ᠬᠤᠳᠠ ᠬᠦᠳᠡᠬᠡᠨ ᠤ ᠪᠦᠳᠦᠬᠡᠨ ᠪᠠᠶᠢᠭᠤᠯᠤᠯᠳᠠ ᠪᠠ ᠬᠠᠮᠢᠶᠠᠷᠤᠯᠳᠠ ᠶᠢᠨ ᠳᠦᠪᠰᠢᠨ ᠲᠠᠰᠤᠷᠠᠯᠳᠠ ᠦᠬᠡᠢ ᠳᠡᠬᠡᠭᠰᠢᠯᠡᠪᠡ᠃ ᠪᠠᠶᠠᠨᠬᠤᠳᠠ ᠶᠢᠨ ︽ᠠᠷᠪᠠᠨ ᠭᠤᠷᠪᠠᠳᠤᠭᠠᠷ ᠳᠠᠪᠤᠨ ᠵᠢᠯ︾  ᠤᠨ ᠬᠤᠳᠠ ᠬᠦᠳᠡᠬᠡᠨ ᠤ ᠪᠦᠳᠦᠬᠡᠨ ᠪᠠᠶᠢᠭᠤᠯᠤᠯᠳᠠ ᠶᠢᠨ ᠲᠥᠯᠤᠪᠵᠢᠬᠦᠯᠬᠡ ᠵᠡᠷᠬᠡ ᠶᠢ ᠨᠠᠶᠢᠷᠠᠭᠤᠯᠵᠤ ᠳᠠᠭᠤᠰᠬᠠᠪᠠ᠃ ᠬᠤᠳᠠ ᠶᠢᠨ ᠠᠮᠢ ᠠᠬᠤᠢ ᠶᠢᠨ ᠰᠢᠰᠲ᠋ᠧᠮ ᠢ ᠰᠡᠷᠬᠦᠬᠡᠬᠦ᠂ ᠠᠬᠢᠷ ᠴᠡᠴᠡᠭ ᠤᠨ ᠦᠵᠡᠮᠵᠢ ᠶᠢᠨ ᠴᠡᠴᠡᠷᠯᠢᠭ ᠪᠠ ᠬᠤᠳᠠ ᠶᠢᠨ ᠵᠠᠮ ᠤᠨ ᠪᠦᠳᠦᠬᠡᠨ ᠪᠠᠶᠢᠭᠤᠯᠤᠯᠳᠠ ᠵᠡᠷᠬᠡ ᠳᠦᠷᠦᠯ ᠵᠦᠢᠯ ᠢ ᠪᠡᠶᠡᠯᠡᠬᠦᠯᠵᠤ᠂ ᠪᠠᠶᠠᠨᠬᠤᠳᠠ ᠶᠢᠨ ᠬᠤᠭᠤᠯᠠᠨ ᠤ ᠦᠯᠡᠳᠡᠭᠳᠡᠯ ᠢ ᠰᠢᠢᠳᠪᠦᠷᠢᠯᠡᠬᠦ ᠦᠢᠯᠡᠳᠪᠦᠷᠢ ᠠᠰᠢᠭᠯᠠᠯᠳᠠ ᠳᠤ ᠤᠷᠤᠵᠤ᠂ ᠪᠠᠷᠢᠯᠭ᠎ᠠ ᠶᠢᠨ ᠬᠠᠶᠠᠭᠳᠠᠯ ᠤᠨ ᠳᠠᠯᠠᠪᠠᠢ᠂ ᠰᠡᠷᠬᠦᠬᠡᠭᠰᠡᠨ ᠤᠰᠤᠨ ᠤ ᠳᠠᠬᠢᠨ ᠠᠰᠢᠭᠯᠠᠯᠳᠠ ᠶᠢᠨ ᠢᠨᠵᠧᠨᠧᠷᠢᠩ ᠵᠢᠴᠢ ᠪᠤᠬᠢᠷ ᠤᠰᠤᠨ ᠤ ᠪᠠᠴᠢᠮ ᠢ ᠠᠷᠭᠠᠴᠠᠭᠠᠬᠤ ᠴᠦᠬᠦᠷᠦᠮ ᠤᠨ ᠳᠦᠷᠦᠯ ᠵᠦᠢᠯ ᠪᠠᠶᠢᠷᠢ ᠰᠣᠩᠭᠤᠬᠤ ᠠᠵᠢᠯ ᠢᠶᠠᠨ ᠳᠠᠭᠤᠰᠬᠠᠵᠤ᠂ ᠰᠡᠷᠬᠦᠬᠡᠭᠰᠡᠨ ᠤᠰᠤᠨ ᠤ ᠳᠠᠬᠢᠨ ᠠᠰᠢᠭᠯᠠᠯᠳᠠ ᠶᠢᠨ ᠨᠤᠷᠮ᠎ᠠ᠂ ᠵᠠᠮ ᠤᠨ ᠴᠡᠪᠡᠷ ᠪᠠᠶᠢᠬᠤ ᠨᠤᠷᠮ᠎ᠠ᠂ ᠬᠤᠭ ᠤᠨ ᠪᠤᠬᠢᠷᠳᠤᠯ ᠦᠬᠡᠢ ᠰᠢᠢᠳᠪᠦᠷᠢᠯᠡᠯᠳᠡ ᠶᠢᠨ ᠨᠤᠷᠮ᠎ᠠ ᠨᠢ ᠳᠤᠰᠪᠤᠷᠢ 82%᠂ 98% ᠪᠠ 97.3% ᠳᠤ ᠬᠦᠷᠴᠡᠢ᠃ ᠬᠤᠳᠠ ᠶᠢᠨ ᠨᠠᠷᠢᠯᠢᠭᠵᠢᠭᠰᠠᠨ ᠬᠠᠮᠢᠶᠠᠷᠤᠯᠳᠠ ᠶᠢᠨ ᠤᠷᠲᠤ ᠬᠤᠭᠤᠴᠠᠭᠠᠳᠤ ᠲᠤᠭᠳᠠᠯᠴᠠᠭ᠎ᠠ ᠶᠢ ᠤᠯᠠᠮ ᠨᠢᠭᠡ ᠠᠯᠬᠤᠮ ᠲᠡᠬᠦᠯᠳᠡᠷᠵᠢᠬᠦᠯᠵᠤ᠂ ᠬᠤᠰᠢᠭᠤ᠂ ᠵᠡᠬᠡᠯᠢ ᠭᠤᠳᠤᠮᠵᠢ᠂ ᠨᠡᠶᠢᠭᠡᠮ ᠲᠤᠭᠤᠷᠢᠭ ᠭᠤᠷᠪᠠᠨ ᠱᠠᠳᠤᠨ ᠤ ᠬᠦᠳᠡᠯᠦᠩᠬᠦᠢ ᠲᠤᠭᠲᠠᠯᠴᠠᠭ᠎ᠠ ᠶᠢ ᠪᠤᠢ ᠪᠤᠯᠭᠠᠪᠠ᠃ ᠪᠦᠷᠭᠡ ᠣᠷᠣᠨ ᠤ ᠦᠬᠡᠷᠡᠴᠢᠯᠡᠯᠳᠡ ᠶᠢᠨ ᠬᠦᠴᠦᠯᠡᠴᠡ ᠪᠠᠨ ᠨᠡᠮᠡᠭᠳᠡᠬᠦᠯᠵᠤ᠂ ᠨᠡᠶᠢᠲᠡ 1514 ᠢᠵᠢ 9.6 ᠳᠦᠮᠡᠨ ᠲᠡᠭᠰᠢ ᠳᠦᠷᠪᠡᠯᠵᠢᠨ ᠮᠧᠲᠷ ᠲᠠᠯᠠᠪᠠᠢ ᠭᠡᠷ ᠪᠠᠶᠢᠰᠢᠩ ᠢ ᠲᠠᠲᠠᠪᠤᠷᠢᠯᠠᠪᠠ᠃ ᠥᠵᠡᠰᠭᠦᠯᠡᠩᠳᠤ ᠰᠠᠶᠢᠬᠠᠨ ᠬᠦᠳᠡᠭᠡ ᠲᠤᠰᠬᠤᠨ ᠢ ᠪᠦᠳᠦᠬᠡᠨ ᠪᠠᠶᠢᠭᠤᠯᠬᠤ ᠦᠷ᠎ᠡ ᠪᠦᠳᠦᠮᠵᠢ ᠪᠠᠨ ᠪᠠᠲᠤᠳᠬᠠᠵᠤ᠂ 1812 ᠲᠥᠮᠡᠨ ᠲᠥᠭᠦᠷᠢᠭ ᠶᠡᠷᠦᠩᠬᠡᠶᠢᠯᠡᠭᠰᠡᠨ ᠴᠡᠭᠴᠡᠯᠡᠯᠳᠡ ᠶᠢᠨ ᠲᠤᠷᠰᠢᠯᠳᠠ ᠶᠢᠨ ᠲᠦᠷᠦᠯ ᠵᠦᠢᠯ ᠤᠨ ᠪᠡᠯᠡ ᠮᠦᠩᠬᠦ ᠶᠢ ᠴᠢᠷᠮᠠᠶᠢᠨ ᠣᠯᠵᠤ᠂ ᠪᠠᠷᠠᠭᠤᠨ ᠪᠡᠯ᠂ ᠤᠯᠠᠨᠪᠤᠯᠠᠭ ᠤᠨ ᠲᠥᠷᠭᠡᠨ ᠠᠭᠤᠷᠰᠢᠯᠳᠠ ᠶᠢᠨ ᠬᠤᠭ ᠰᠢᠢᠳᠪᠦᠷᠢᠯᠡᠬᠦ ᠲᠦᠬᠦᠭᠡᠷᠦᠮᠵᠢ ᠠᠰᠢᠭᠯᠠᠯᠳᠠ ᠳᠤ ᠤᠷᠤᠪᠠ᠃ ︽ᠬᠤᠳᠠ ᠶᠢᠨ ᠬᠤᠣᠰ ᠰᠡᠷᠬᠦᠬᠡᠨ ᠵᠠᠰᠠᠯᠲᠠ︾  ᠶᠢᠨ ᠠᠵᠢᠯ ᠤᠨ ᠠᠬᠤᠢ ᠲᠠᠯᠠᠪᠠᠢ ᠶᠢᠨ ᠬᠤᠷᠠᠯ ᠢ ᠠᠮᠵᠢᠯᠳᠠᠳᠠᠢ ᠡᠷᠬᠢᠯᠡᠵᠤ᠂ ᠠᠯᠠᠱᠠ ᠵᠡᠬᠦᠨ ᠬᠤᠰᠢᠭᠤ ᠪᠥᠬᠦ ᠣᠯᠣᠰ ᠤᠨ ᠪᠤᠯᠪᠠᠰᠤᠨ ᠬᠤᠳᠠ ᠪᠠᠷ ᠨᠡᠷ᠎ᠡ ᠳᠠᠪᠰᠢᠵᠤ᠂ ᠤᠯᠤᠰ ᠤᠨ ᠴᠡᠴᠡᠷᠯᠢᠭᠳᠦ ᠬᠤᠲᠠ ᠶᠢᠨ ᠴᠤᠭᠴᠠᠯᠠᠯᠳᠠ ᠨᠢ ᠦᠪᠡᠷᠳᠡᠬᠡᠨ ᠵᠠᠰᠠᠬᠤ ᠤᠷᠤᠨ ᠤ ᠠᠩᠬᠠᠨ ᠤ ᠬᠢᠨᠠᠯᠳᠠ ᠶᠢ ᠦᠩᠬᠡᠷᠡᠭᠡᠵᠡᠢ᠃ᠨᠢᠭᠡ ᠵᠢᠯ ᠤᠨ ᠲᠤᠷᠰᠢ᠂ ᠪᠢᠳᠡ ᠵᠤᠷᠢᠭᠳᠠᠢ ᠲᠠᠢ ᠡᠬᠦᠷᠭᠡᠯᠡᠵᠤ᠂ ᠬᠦᠴᠢᠷ ᠪᠡᠷᠬᠡ ᠠᠴᠠ ᠰᠦᠷᠳᠡᠯ ᠦᠬᠡᠢ᠂ ᠦᠭᠡᠷᠡᠴᠢᠯᠡᠯᠳᠡ ᠬᠢᠵᠤ ᠰᠢᠨ᠎ᠡ ᠶᠢ ᠡᠬᠦᠳᠬᠦ ᠶᠢ ᠪᠦᠬᠦ ᠬᠦᠴᠦ ᠪᠠᠷ ᠠᠬᠢᠭᠤᠯᠪᠠ᠃ᠦᠬᠡᠷᠡᠴᠢᠯᠡᠯᠳᠡ ᠶᠢ ᠬᠦᠨᠵᠡᠬᠡᠶᠢᠷᠡᠬᠦᠯᠦᠨ ᠤᠯᠠᠨ ᠲᠠᠯ᠎ᠠ ᠪᠠᠷ ᠰᠢᠪᠳᠦᠯᠦᠯᠳᠡ ᠤᠯᠪᠠ᠃ 42  ᠲᠥᠷᠣᠯ ᠤᠨ ᠠᠵᠤ ᠠᠬᠤᠢ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠬᠡᠷᠡᠴᠢᠯᠡᠯᠳᠡ ᠶᠢ ᠡᠬᠢᠯᠡᠬᠦᠯᠵᠤ᠂ 41 ᠳᠦᠷᠦᠯ  ᠨᠢ ᠦᠷ᠎ᠡ ᠪᠦᠳᠦᠮᠵᠢ ᠣᠯᠵᠡᠢ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠬᠡᠷᠡᠴᠢᠯᠡᠯᠳᠡ ᠶᠢᠨ ᠰᠢᠨ᠎ᠡ ᠱᠠᠭᠠᠷᠳᠠᠯᠭ᠎ᠠ ᠶᠢ ᠨᠠᠶᠢᠳᠠᠪᠣᠷᠢᠵᠢᠭᠤᠯᠵᠣ᠂ 3.35 ᠳ᠋ᠦᠩᠰᠢᠭᠤᠷ ᠳᠦᠬᠦᠷᠢᠭ ᠤᠨ ᠠᠵᠤ ᠠᠬᠤᠶᠢᠯᠠᠯ ᠤᠨ ᠭᠠᠶᠢᠯᠢ ᠶᠢ ᠬᠠᠰᠤᠵᠤ ᠬᠡᠯᠳᠤᠷᠢᠭᠦᠯᠤᠨ᠂ ᠪᠠᠭ᠎ᠠ ᠵᠢᠵᠢᠭ ᠠᠵᠤ ᠠᠬᠤᠶᠢᠯᠠᠯ ᠳᠤ 5900 ᠳᠦᠮᠡᠨ ᠳᠦᠬᠦᠷᠢᠭ ᠤᠨ ᠵᠢᠭᠡᠯᠡᠯᠬᠡ ᠲᠠᠷᠬᠠᠭᠠᠪᠠ︔ ᠬᠤᠪᠢᠴᠠᠭᠠᠨ ᠤ ᠡᠷᠬᠡ ᠪᠠ ᠦᠮᠴᠢᠯᠡᠬᠦ ᠡᠷᠬᠡ ᠶᠢᠨ ᠰᠤᠯᠢᠯᠴᠠᠭᠠᠨ ᠤ ᠲᠥᠪ ᠤᠨ ᠠᠯᠠᠱᠠ ᠵᠡᠬᠦᠨ ᠬᠤᠰᠢᠭᠤᠨ ᠳᠠᠬᠢ ᠠᠵᠢᠯ ᠤᠨ ᠦᠷᠳᠡᠭᠡ ᠶᠢ ᠪᠠᠶᠢᠭᠤᠯᠵᠤ᠂ ᠦᠪᠦᠷ ᠮᠤᠩᠭᠤᠯ ᠤᠨ ᠬᠤᠪᠢᠴᠠᠭᠠᠨ ᠤ ᠡᠷᠬᠡ ᠶᠢᠨ ᠰᠤᠯᠢᠯᠴᠠᠭᠠᠨ ᠤ ᠲᠥᠪ ᠲᠤ ᠫᠠᠶᠢᠰᠠ ᠡᠯᠭᠦᠭᠰᠡᠨ ᠠᠵᠤ ᠠᠬᠤᠶᠢᠯᠠᠯ ᠤᠨ ᠲᠤᠭ᠎ᠠ 31 ᠳᠤ ᠬᠦᠷᠦᠭᠰᠡᠨ ᠪᠠᠶᠢᠨ᠎ᠠ︔ ︽ 3550︾ ᠦᠭᠡᠷᠡᠴᠢᠯᠡᠯᠳᠡ ᠪᠠ ︽ᠦᠨᠡᠮᠯᠡᠯ ᠢ ᠴᠦᠭᠡᠳᠬᠡᠵᠤ ᠠᠷᠠᠳ ᠲᠤ ᠳᠦᠭᠦᠮ ᠦᠵᠡᠬᠦᠯᠬᠦ︾ ᠲᠣᠰᠬᠠᠢ ᠲᠦᠷᠦᠯ ᠤᠨ ᠠᠵᠢᠯᠯᠠᠭ᠎ᠠ ᠶᠢ ᠠᠬᠢᠭᠤᠯᠵᠤ᠂ ᠪᠦᠬᠦ ᠬᠤᠰᠢᠭᠤᠨ ᠤ 30 ᠪᠠᠶᠢᠭᠤᠯᠭ᠎ᠠ ᠶᠢᠨ 550 ᠲᠦᠷᠦᠯ ᠤᠨ ᠵᠠᠰᠠᠭ ᠵᠠᠬᠢᠷᠭᠠᠨ ᠤ ᠡᠷᠬᠡ ᠪᠠ ᠨᠡᠶᠢᠲᠡ ᠶᠢᠨ ᠦᠢᠯᠡᠴᠢᠯᠡᠭᠡᠨ ᠤ ᠬᠡᠷᠡᠭ ᠤᠴᠢᠷ ᠢ ᠲᠦᠪᠯᠡᠷᠡᠬᠦᠯᠦᠨ ᠬᠦᠢᠴᠡᠳᠬᠡᠵᠤ᠂ 252 ᠳᠦᠷᠦᠯ ᠤᠨ ᠤᠴᠢᠷ ᠢ ︽ᠲᠡᠷᠡ ᠳᠠᠷᠤᠢ ᠳᠤᠨᠢ ᠬᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠪᠠᠷ ᠬᠦᠢᠴᠡᠳᠬᠡᠬᠦ᠂ ᠨᠢᠭᠡ ᠯᠡ ᠳᠡᠭᠡᠷ᠎ᠡ ᠭᠦᠢᠴᠡᠳᠬᠡᠬᠦ︾  ᠶᠢ ᠪᠡᠶᠡᠯᠡᠬᠦᠯᠵᠤ᠂ ᠴᠠᠭ ᠲᠠᠭᠠᠨ ᠭᠦᠢᠴᠡᠳᠬᠡᠭᠰᠡᠨ ᠨᠤᠷᠮ᠎ᠠ ᠪᠠ ᠤᠯᠠᠨ ᠳᠦᠮᠡᠨ ᠤ ᠬᠠᠨᠤᠮᠵᠢ ᠶᠢᠨ ᠨᠤᠷᠮ᠎ᠠ ᠨᠢ ᠪᠦᠷ 98% ᠠᠴᠠ ᠳᠡᠭᠡᠭᠰᠢ ᠳᠤ ᠬᠦᠷᠴᠡᠢ᠃ ᠤᠯᠤᠰ ᠤᠨ ᠦᠮᠴᠢᠯᠡᠯᠳᠤ ᠠᠵᠤ ᠠᠬᠤᠶᠢᠯᠠᠯ᠂ ᠮᠠᠯᠵᠢᠬᠤ ᠲᠠᠷᠢᠶᠠᠯᠠᠬᠤ ᠤᠷᠤᠨ ᠤ ᠬᠠᠮᠳᠤ ᠶᠢᠨ ᠥᠮᠴᠢᠯᠡᠯ ᠤᠨ ᠡᠷᠬᠡ ᠶᠢᠨ ᠳᠦᠷᠢᠮ ᠵᠡᠷᠬᠡ ᠦᠬᠡᠷᠡᠴᠢᠯᠡᠯᠳᠡ ᠶᠢ ᠯᠠᠪᠳᠠᠭᠤᠨ ᠦᠷᠨᠢᠬᠦᠯᠵᠤ᠂ ᠰᠤᠶᠤᠯ ᠵᠢᠭᠤᠯᠴᠢᠯᠠᠯ ᠤᠨ ᠨᠡᠭᠡᠭᠡᠨ ᠬᠦᠭᠵᠢᠬᠦᠯᠬᠦ ᠺᠤᠮᠫᠠᠨᠢ ᠪᠠᠶᠢᠭᠤᠯᠤᠨ᠂ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ᠡᠵᠡᠩᠨᠡᠯᠳᠡ ᠬᠠᠮᠢᠶᠠᠷᠤᠯᠳᠠ ᠶᠢᠨ ᠲᠤᠭᠳᠠᠯᠴᠠᠭ᠎ᠠ ᠶᠢ ᠰᠢᠯᠣᠭᠤᠳᠬᠠᠵᠤ᠂ ᠤᠯᠤᠰ ᠤᠨ ᠦᠮᠴᠢᠯᠡᠯᠳᠤ ᠡᠳ᠋ ᠬᠦᠷᠦᠩᠬᠡ ᠶᠢᠨ ᠭᠡᠷᠡᠭᠵᠢᠯᠳᠡ ᠶᠢᠨ ᠪᠦᠳᠦᠮᠵᠢ ᠶᠢ ᠳᠡᠬᠡᠭᠰᠢᠯᠡᠭᠦᠯᠪᠡ︔ ᠤᠯᠤᠰ ᠤᠨ ᠦᠮᠴᠢᠯᠡᠯᠳᠤ ᠠᠵᠤ ᠠᠬᠤᠶᠢᠯᠠᠯ ᠤᠨ ︽ᠭᠤᠷᠪᠠᠨ ᠬᠠᠩᠭᠠᠯᠭ᠎ᠠ ᠨᠢᠭᠡ ᠠᠬᠤᠢ︾  ᠶᠢ ᠲᠤᠰᠠᠭᠠᠷᠯᠠᠬᠤ ᠶᠢ ᠠᠬᠢᠭᠤᠯᠵᠤ᠂ ᠪᠠᠶᠠᠨᠮᠤᠳᠤ ᠲᠠᠷᠢᠶᠠᠯᠠᠩ ᠤᠨ ᠲᠠᠯᠠᠪᠠᠢ ᠶᠢᠨ ᠪᠠᠶᠢᠭᠤᠯᠤᠮᠵᠢ ᠶᠢᠨ ᠥᠭᠡᠷᠡᠴᠢᠯᠡᠯᠳᠠ ᠶᠢ ᠭᠥᠢᠴᠡᠳᠬᠡᠵᠤ᠂ ᠮᠠᠯᠵᠢᠬᠤ ᠲᠠᠷᠢᠶᠠᠯᠠᠬᠤ ᠤᠷᠤᠨ ᠤ ︽ᠭᠡᠷ ᠬᠥᠷᠤᠩᠭᠡ ᠭᠠᠵᠠᠷ ᠰᠢᠷᠤᠢ ᠶᠢ ᠨᠢᠭᠡ ᠴᠤᠭᠴᠠᠵᠢᠭᠤᠯᠤᠭᠰᠠᠨ︾ ᠡᠷᠬᠡ ᠶᠢ ᠨᠤᠲᠠᠯᠠᠵᠤ ᠳᠠᠩᠰᠠᠯᠠᠬᠤ ᠠᠵᠢᠯ ᠢ ᠢᠳᠡᠪᠬᠢᠳᠠᠢ ᠥᠷᠨᠢᠬᠦᠯᠪᠡ᠃ ᠤᠯᠠᠨ ᠲᠥᠮᠡᠨ ᠳᠤ ᠦᠭᠡᠷᠡᠴᠢᠯᠡᠯᠳᠡ ᠶᠢᠨ ᠦᠷ᠎ᠡ ᠪᠥᠳᠤᠮᠵᠢ ᠶᠢ ᠨᠡᠩ ᠶᠡᠭᠡ ᠬᠥᠷᠳᠡᠭᠡᠪᠡ᠃ ᠭᠠᠳᠠᠭᠰᠢ ᠪᠠᠨ ᠴᠢᠯᠤᠭᠡᠲᠠᠢ ᠶᠠᠪᠤᠯᠴᠠᠵᠤ ᠦᠷ᠎ᠡ ᠪᠦᠳᠦᠮᠵᠢ ᠣᠯᠪᠠ᠃ ᠠᠯᠠᠱᠠ ᠵᠡᠬᠦᠨ ᠬᠤᠰᠢᠭᠤ ᠶᠢ ᠲᠣᠷᠭᠠᠨ ᠵᠠᠮ ᠤᠨ ᠠᠵᠤ ᠠᠬᠤᠢ ᠶᠢᠨ ᠪᠦᠰᠡ ᠪᠠ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠳᠤ ᠦᠢᠯᠡᠴᠢᠯᠡᠬᠦ ᠴᠢᠬᠤᠯᠠ ᠵᠠᠮ ᠪᠣᠯᠭᠠᠨ ᠪᠦᠳᠦᠬᠡᠨ ᠪᠠᠶᠢᠭᠤᠯᠬᠤ ᠠᠵᠢᠯ ᠤᠨ ᠲᠤᠭᠤᠷᠢᠨ ᠳᠤ᠂ ᠬᠦᠬᠡᠬᠤᠳᠠ ᠪᠤᠭᠤᠳᠤ ᠢᠷᠭᠠᠢ ᠢᠦᠢ ᠯᠢᠨ ᠤ ᠠᠵᠤ ᠠᠬᠤᠢ ᠶᠢᠨ ᠪᠦᠰᠡ᠂ ᠯᠢᠶᠠᠨ ᠶᠦᠨ ᠭᠠᠩ ᠠᠴᠠ ᠯᠠᠨᠵᠸᠣ᠂ ᠯᠠᠨᠵᠸᠣ ᠠᠴᠠ ᠰᠢᠨᠵᠢᠶᠠᠩ ᠬᠦᠷᠬᠦ ᠠᠵᠤ ᠠᠬᠤᠢ ᠶᠢᠨ ᠪᠦᠰᠡ ᠶᠢᠨ ᠪᠦᠳᠦᠬᠡᠨ ᠪᠠᠶᠢᠭᠤᠯᠤᠯᠳᠠ ᠳᠤ ᠰᠠᠨᠠᠭᠠᠴᠢᠯᠠᠭ᠎ᠠ ᠲᠠᠢ ᠪᠠᠷ ᠣᠶᠠᠯᠳᠣᠪᠠ᠃ ᠦᠯᠵᠡᠢ ᠪᠣᠭᠤᠮᠲᠠ ᠶᠢᠨ ᠠᠩᠬᠠᠨ ᠤ ᠬᠤᠭᠤᠴᠠᠭᠠᠨ ᠤ ᠣᠰᠣᠨ ᠤ ᠬᠠᠩᠭᠠᠯᠭ᠎ᠠ᠂ ᠰᠣᠬᠤᠨᠳᠣ ᠠᠴᠠ ᠪᠤᠭᠤᠮᠳᠠ ᠬᠥᠷᠬᠦ ᠵᠠᠰᠠᠮᠠᠯ ᠵᠠᠮ ᠢ ᠳᠡᠪᠢᠰᠬᠦ ᠪᠠ 110 ᠺᠢᠯᠣᠸᠣᠯᠲ ᠤᠨ ᠬᠦᠴᠦᠳᠡᠯ ᠦᠬᠡᠷᠡᠴᠢᠯᠡᠬᠦ ᠦᠷᠳᠡᠭᠡ ᠵᠡᠷᠬᠡ ᠳᠦᠷᠦᠯ ᠵᠦᠢᠯ ᠠᠰᠢᠭᠯᠠᠯᠳᠠ ᠳᠤ ᠣᠷᠣᠵᠣ᠂ ᠬᠤᠳᠠ ᠶᠢᠨ ᠰᠠᠭᠤᠷᠢ ᠳᠦᠬᠦᠬᠡᠷᠦᠮᠵᠢ ᠪᠠ ᠪᠤᠭᠤᠮᠳᠠ ᠨᠡᠪᠳᠡᠷᠡᠭᠦᠯᠬᠦ ᠦᠢᠯᠡᠴᠢᠯᠡᠬᠡᠨ ᠤ ᠨᠢᠭᠡ ᠴᠣᠭᠴᠠᠵᠢᠭᠰᠠᠨ ᠢᠨᠵᠧᠨᠧᠷᠢᠩ  ᠤᠨ ᠪᠦᠳᠦᠬᠡᠨ ᠪᠠᠶᠢᠭᠤᠯᠤᠯᠳᠠ ᠶᠢ ᠡᠬᠢᠯᠡᠬᠦᠯᠵᠤ᠂ 3 ᠳᠦᠷᠦᠯ ᠵᠦᠢᠯ ᠨᠢ ᠤᠯᠤᠰ ᠤᠨ ᠨᠡᠬᠡᠭᠡᠯᠳᠡ ᠶᠢᠨ ᠪᠠᠩᠬᠢ ᠶᠢᠨ ᠳᠡᠮᠵᠢᠯᠬᠡ ᠶᠢ ᠤᠯᠵᠡᠢ᠃ ᠲᠠᠶᠢᠰᠢ᠂ ᠵᠢᠶᠠ ᠯᠢ ᠨᠣᠣᠰᠣ ᠨᠤᠯᠤᠤᠷ ᠤᠨ ᠺᠣᠮᠫᠠᠨᠢ ᠵᠡᠷᠬᠡ ᠠᠵᠤ ᠠᠬᠤᠶᠢᠯᠠᠯ ᠤᠨ ᠭᠠᠳᠠᠭᠰᠢ ᠬᠦᠭᠵᠢᠬᠦ ᠶᠢ ᠠᠬᠢᠭᠤᠯᠵᠤ᠂ ᠭᠠᠳᠠᠭᠠᠳᠤ  ᠲᠠᠢ ᠠᠷᠠᠯᠵᠢᠶᠠᠯᠠᠭᠰᠠᠨ ᠭᠤᠪᠢᠭᠤᠯᠭ᠎ᠠ 1100 ᠳᠦᠮᠡᠨ ᠳ᠋ᠣᠯᠯᠠᠷ ᠢ ᠪᠡᠶᠡᠯᠡᠬᠦᠯᠵᠡᠢ  ᠃ ︽ᠣᠷᠣᠨ ᠠᠯᠣᠰᠯᠠᠭᠰᠠᠨ ᠠᠵᠤ ᠠᠬᠤᠢ︾  ᠶᠢᠨ ᠳᠦᠷ ᠬᠡᠷᠡᠭᠵᠢᠬᠦᠯᠬᠦ ᠠᠷᠭ᠎ᠠ ᠶᠢ ᠲᠤᠭᠳᠠᠭᠠᠵᠤ᠂ ᠮᠢᠩᠭᠠᠨ ᠳ᠋ᠦᠩᠰᠢᠭᠤᠷ ᠤᠨ ᠠᠵᠤ ᠦᠢᠯᠡᠳᠪᠦᠷᠢ ᠶᠢᠨ ᠬᠦᠷᠢᠶᠡᠯᠡᠩ ᠤᠨ ᠪᠦᠳᠦᠬᠡᠨ ᠪᠠᠶᠢᠭᠤᠯᠤᠯᠳᠠ ᠶᠢ ᠶᠡᠬᠡᠪᠡᠷ ᠳᠡᠳᠬᠦᠵᠤ᠂ ᠪᠠᠶᠢᠭᠠᠯᠢ ᠶᠢᠨ ᠰᠢᠳᠠᠮᠠᠬᠠᠢ ᠬᠡᠢ ᠶᠢ ᠶᠡᠷᠦᠩᠬᠡᠶᠢᠯᠡᠨ ᠠᠰᠢᠭᠯᠠᠬᠤ᠂ ᠬᠠᠯᠠᠭᠤᠨ ᠺᠤᠮᠫᠠᠨᠢ ᠶᠢᠨ ᠡᠨᠧᠷᠬᠢ ᠶᠢᠨ ᠴᠠᠬᠢᠯᠭᠠᠨ ᠳᠠᠮᠵᠢᠭᠤᠯᠬᠤ᠂ ᠪᠠᠯ ᠴᠢᠯᠠᠭᠤ ᠶᠢ ᠨᠠᠷᠢᠯᠢᠭ ᠪᠤᠯᠪᠠᠰᠤᠷᠠᠭᠤᠯᠬᠤ᠂ ᠡᠬᠡ ᠬᠠᠭᠤᠷᠠᠢ  ᠶᠢᠨ ᠭᠠᠷᠠᠮ ᠤᠨ ᠲᠡᠮᠦᠷ ᠵᠠᠮ ᠪᠠ ᠵᠠᠰᠠᠮᠠᠯ ᠵᠠᠮ ᠢ ᠨᠡᠪᠳᠡᠷᠡᠬᠦᠯᠬᠦ ᠵᠡᠷᠬᠡ ᠬᠠᠮᠳᠤᠷᠠᠨ ᠠᠵᠢᠯᠯᠠᠬᠤ ᠲᠦᠷᠦᠯ ᠵᠦᠢᠯ ᠡᠮᠬᠢ ᠴᠡᠭᠴᠡ ᠲᠠᠢ ᠠᠬᠢᠵᠤ᠂ ᠤᠷᠤᠨ ᠪᠦᠰᠡ ᠶᠢᠨ ᠬᠠᠮᠲᠤᠪᠠᠷ ᠠᠰᠢᠭ ᠬᠦᠷᠳᠡᠵᠤ ᠬᠦᠭᠵᠢᠭᠰᠡᠨ ᠰᠢᠨ᠎ᠡ ᠪᠠᠶᠢᠳᠠᠯ ᠢ ᠪᠤᠢ ᠪᠤᠯᠭᠠᠵᠡᠢ᠃ᠨᠢᠭᠡ ᠵᠢᠯ ᠤᠨ ᠲᠤᠷᠰᠢ᠂ ᠪᠢᠳᠠ ᠡᠳ᠋ ᠤᠨ ᠬᠥᠴᠤ ᠪᠠᠨ ᠲᠥᠪᠯᠡᠷᠡᠬᠦᠯᠤᠨ᠂ ᠤᠨᠤᠪᠴᠢᠲᠠᠢ ᠪᠠᠷ ᠬᠥᠴᠤᠯᠡᠵᠤ᠂ ᠤᠯᠠᠨ ᠲᠥᠮᠡᠨ ᠤ ᠠᠰᠢᠭ ᠬᠥᠷᠳᠡᠬᠡᠮᠵᠢ ᠶᠢ ᠶᠡᠭᠡᠪᠡᠷ ᠨᠡᠮᠡᠭᠳᠡᠬᠦᠯᠪᠡ᠃ᠠᠷᠠᠳ ᠤᠨ ᠠᠮᠢᠳᠤᠷᠠᠯ ᠢ ᠡᠷᠴᠢᠮᠳᠠᠢ ᠪᠠᠳᠤᠯᠠᠨ ᠰᠠᠶᠢᠵᠢᠷᠠᠭᠤᠯᠪᠠ᠃ ᠪᠥᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠨᠢ ᠡᠩ ᠤᠨ ᠨᠡᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠵᠠᠷᠤᠯᠭ᠎ᠠ ᠶᠢᠨ 74.1% ᠶᠢ ᠡᠵᠡᠯᠡᠪᠡ᠃ ᠨᠡᠶᠢᠭᠡᠮ ᠤᠨ ᠪᠠᠳᠤᠯᠠᠭᠠᠨ ᠤ ᠲᠤᠭᠳᠠᠯᠴᠠᠭ᠎ᠠ ᠶᠢ ᠲᠠᠰᠤᠷᠠᠯᠳᠠ ᠥᠭᠡᠢ ᠲᠡᠭᠦᠯᠳᠡᠷᠵᠢᠬᠦᠯᠪᠡ᠃ ᠬᠤᠳᠠ ᠬᠥᠳᠡᠭᠡᠨ ᠤ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠷᠢᠮ ᠢ ᠲᠥᠬᠡᠮᠡᠯᠵᠢᠬᠦᠯᠪᠡ︔ ᠥᠢᠯᠡᠰ ᠪᠤᠰᠬᠠᠬᠤ ᠪᠠᠳᠤᠯᠠᠭᠠᠨ ᠤ ᠵᠢᠭᠡᠯᠡᠯᠭᠡ ᠶᠢ 2814 ᠲᠥᠮᠡᠨ ᠲᠥᠭᠦᠷᠢᠭ ᠲᠠᠷᠬᠠᠭᠠᠵᠤ᠂ ᠬᠤᠳᠠ ᠪᠠᠯᠭᠠᠰᠤᠨ ᠤ 1554 ᠬᠥᠮᠤᠨ  ᠳᠤ ᠰᠢᠨ᠎ᠠ ᠪᠠᠷ ᠠᠵᠢᠯ ᠤᠯᠭᠤᠨ᠂ ᠬᠥᠳᠡᠭᠡ ᠲᠤᠰᠬᠤᠨ ᠤ 1807 ᠬᠥᠳᠡᠯᠮᠤᠷᠢ ᠬᠥᠴᠣᠨ ᠢ ᠨᠡᠬᠦᠯᠬᠡᠨ ᠠᠵᠢᠯ ᠤᠯᠭᠤᠵᠤ᠂ ᠰᠢᠯᠭᠠᠨ ᠡᠯᠰᠡᠬᠦ ᠪᠠ ᠤᠷᠢᠬᠤ ᠪᠠᠷ ᠳᠠᠮᠵᠢᠨ 158  ᠬᠥᠮᠤᠰ ᠲᠤ ᠠᠵᠢᠯ ᠤᠯᠭᠤᠵᠤ᠂ ᠬᠤᠳᠠ ᠪᠠᠯᠭᠠᠰᠣᠨ ᠤ ᠴᠡᠷᠢᠭ ᠠᠴᠠ ᠬᠠᠯᠠᠭᠳᠠᠭᠰᠠᠨ 7 ᠪᠠᠶᠢᠯᠳᠤᠭᠴᠢ ᠶᠢ ᠲᠥᠪᠬᠢᠨᠡᠬᠦᠯᠵᠣ᠂  ᠬᠤᠳᠠ ᠪᠠᠯᠭᠠᠰᠤᠨ ᠤ ᠳᠠᠩᠰᠠᠯᠠᠭᠳᠠᠭᠰᠠᠨ ᠠᠵᠢᠯ ᠠᠯᠳᠠᠯᠲᠠ ᠶᠢᠨ ᠨᠤᠷᠮ᠎ᠠ ᠶᠢ 3 % ᠲᠤᠳᠤᠷ᠎ᠠ ᠬᠢᠵᠠᠭᠠᠷᠯᠠᠪᠠ︔ ᠨᠠᠰᠤᠲᠠᠶᠢᠴᠣᠳ ᠤᠨ ᠪᠠᠷᠢᠮᠵᠢᠶᠠᠵᠢᠭᠰᠠᠨ 4 ᠥᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠵᠤ᠂ ᠡᠳᠤᠷ ᠲᠤᠨᠢ ᠬᠠᠷᠠᠭᠠᠯᠵᠠᠬᠤ ᠲᠥᠪ ᠢ 17 ᠪᠣᠯᠭᠠᠨ ᠨᠡᠮᠡᠭᠳᠡᠬᠦᠯᠵᠤ᠂ ᠨᠡᠶᠢᠭᠡᠮ ᠲᠤᠭᠤᠷᠢᠭ ᠤᠨ ᠨᠠᠰᠤᠲᠠᠶᠢᠴᠣᠳ ᠢ ᠠᠰᠠᠷᠠᠬᠤ ᠲᠥᠭᠡᠮᠡᠯᠵᠢᠬᠦᠯᠤᠯᠳᠠ ᠶᠢᠨ ᠨᠤᠷᠮ᠎ᠠ ᠶᠢ 51.5 % ᠳᠤ ᠭᠥᠷᠭᠡᠪᠡ︔ ᠬᠤᠳᠠ ᠬᠥᠳᠡᠭᠡᠨ ᠤ ᠰᠠᠭᠤᠭᠠᠯᠢ ᠠᠷᠠᠳ ᠤᠨ ᠠᠮᠢᠳᠤᠷᠠᠯ ᠤᠨ ᠬᠠᠮᠤᠭ ᠳᠤᠤᠷ᠎ᠠ ᠪᠠᠳᠤᠯᠠᠭ᠎ᠠ ᠪᠠ ᠲᠥᠷ ᠴᠠᠭ ᠤᠨ ᠠᠪᠤᠷᠠᠨ ᠲᠤᠰᠠᠯᠠᠬᠤ ᠵᠡᠷᠭᠡ ᠪᠡᠯᠡ ᠮᠥᠩᠬᠦ ᠶᠢ ᠨᠡᠶᠢᠳᠠ 2602  ᠲᠥᠮᠡᠨ ᠲᠥᠭᠦᠷᠢᠭ ᠲᠠᠷᠬᠠᠭᠠᠪᠠ︔ ᠶᠠᠳᠠᠭᠤ ᠬᠥᠴᠢᠷᠳᠡᠯᠳᠠᠢ ᠵᠡᠮᠳᠡᠭᠴᠣᠳ ᠢ ᠬᠠᠯᠠᠮᠵᠢᠯᠠᠨ ᠠᠩᠬᠠᠷᠴᠤ᠂ ᠬᠤᠲᠠ ᠪᠠᠯᠭᠠᠰᠤᠨ ᠤ ᠶᠠᠳᠠᠭᠤ ᠬᠥᠴᠢᠷᠳᠡᠯᠳᠠᠢ ᠵᠡᠮᠳᠡᠭᠴᠣᠳ ᠤᠨ ᠶᠠᠳᠠᠭᠤ ᠶᠢ ᠳᠡᠳᠬᠦᠬᠦ ᠰᠠᠭᠤᠷᠢ ᠮᠥᠩᠬᠦ ᠶᠢ ᠪᠠᠶᠢᠭᠤᠯᠤᠨ᠂ ᠴᠠᠭᠠᠨ ᠬᠠᠷᠠᠩ ᠪᠠ ᠲᠥᠷᠤᠯᠬᠢ ᠵᠢᠷᠤᠬᠡᠨ ᠡᠪᠡᠳᠴᠢᠳᠡᠨ ᠳᠤ ᠥᠨ᠎ᠡ ᠲᠥᠯᠤᠪᠤᠷᠢ ᠥᠭᠡᠢ ᠪᠠᠷ ᠮᠡᠰᠡ ᠵᠠᠰᠠᠯ ᠬᠢᠵᠤ ᠥᠭᠴᠡᠢ᠃ ᠨᠡᠶᠢᠬᠡᠮ ᠤᠨ ᠠᠵᠢᠯ ᠥᠢᠯᠡᠰ ᠪᠥᠬᠦ ᠲᠠᠯ᠎ᠠ ᠪᠠᠷ ᠳᠠᠪᠰᠢᠵᠡᠢ᠃  6000 ᠲᠥᠮᠡᠨ ᠲᠥᠭᠦᠷᠢᠭ ᠤᠨ ᠪᠡᠯᠡ ᠮᠥᠩᠬᠦ ᠤᠷᠤᠭᠤᠯᠵᠤ᠂ ᠨᠠᠢᠮᠠᠳᠤᠭᠠᠷ ᠲᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ᠂ ᠳᠤᠯᠤᠳᠤᠭᠠᠷ ᠬᠡᠣᠬᠡᠳ ᠤᠨ ᠴᠡᠴᠡᠷᠯᠢᠭ ᠤᠨ ᠵᠢᠭᠠᠨ ᠰᠤᠷᠭᠠᠯᠳᠠ ᠶᠢᠨ ᠠᠰᠠᠷ᠂ ᠮᠤᠩᠭᠤᠯ ᠥᠨᠳᠤᠰᠤᠳᠡᠨ ᠤ ᠲᠤᠷᠰᠢᠯᠳᠠ ᠶᠢᠨ ᠪᠠᠭ᠎ᠠ ᠰᠤᠷᠭᠠᠭᠤᠯᠢ ᠶᠢᠨ ᠲᠠᠮᠢᠷ ᠤᠨ ᠬᠥᠳᠡᠯᠭᠡᠭᠡᠨ ᠤ ᠭᠡᠷ ᠵᠡᠷᠭᠡ ᠲᠥᠷᠤᠯ ᠵᠥᠢᠯ ᠢ ᠭᠡᠷᠡᠭᠵᠢᠬᠦᠯᠪᠡ᠃ ᠰᠢᠯᠢᠳᠡᠭ ᠴᠢᠳᠠᠪᠤᠷᠢᠳᠠᠨ ᠢ ᠤᠷᠢᠬᠤ ᠲᠥᠷᠤ ᠶᠢᠨ ᠪᠣᠳᠣᠯᠭ᠎ᠠ ᠶᠢ ᠰᠣᠳᠣᠯᠣᠨ ᠲᠤᠭᠳᠠᠭᠠᠵᠤ᠂ ᠪᠠᠴᠢᠮ ᠱᠠᠭᠠᠷᠳᠠᠯᠭ᠎ᠠ ᠲᠠᠢ 109 ᠴᠢᠳᠠᠪᠤᠷᠢᠳᠠᠨ᠂ ᠥᠨᠳᠤᠷ ᠳᠡᠰ ᠤᠨ ᠮᠡᠷᠭᠡᠵᠢᠯ ᠲᠠᠢ 45 ᠴᠢᠳᠠᠪᠤᠷᠢᠲᠠᠨ ᠪᠠ ᠳᠡᠭᠡᠳᠤ ᠮᠡᠷᠭᠡᠵᠢᠯ ᠲᠠᠢ 43 ᠴᠢᠳᠠᠪᠤᠷᠢᠳᠠᠨ ᠳᠤ ᠪᠤᠯᠪᠠᠰᠤᠷᠠᠯ ᠬᠥᠷᠳᠡᠭᠡᠨ ᠤᠷᠢᠪᠠ︔ ︽ᠵᠠᠭᠤ ᠮᠢᠩᠭ᠎ᠠ ᠲᠥᠮᠡᠨ︾  ᠴᠢᠳᠠᠪᠤᠷᠢᠳᠠᠨ ᠤ ᠢᠨᠵᠧᠨᠧᠷᠢᠩ ᠪᠠ ᠥᠢᠯᠡᠳᠤᠯᠭᠡ ᠳᠤᠮᠳᠠ ᠰᠣᠳᠣᠯᠣᠨ ᠰᠤᠷᠤᠯᠴᠠᠬᠤ ᠰᠠᠭᠤᠷᠢᠨ ᠭᠠᠵᠠᠷ ᠤᠨ ᠪᠥᠳᠤᠭᠡᠨ ᠪᠠᠶᠢᠭᠤᠯᠤᠯᠳᠠ ᠶᠢ ᠠᠬᠢᠭᠤᠯᠵᠤ᠂ ᠰᠤᠷᠭᠠᠨ  ᠬᠥᠮᠤᠵᠢᠯ ᠤᠨ ᠵᠢᠭᠠᠨ ᠰᠤᠷᠭᠠᠬᠤ ᠴᠢᠨᠠᠷ ᠴᠢᠨᠰᠠᠭ᠎ᠠ ᠶᠢ ᠲᠤᠭᠳᠠᠭᠤᠨ ᠢᠶᠠᠷ ᠳᠡᠭᠡᠭᠰᠢᠯᠡᠬᠦᠯᠪᠡ᠃ 4078 ᠲᠥᠮᠡᠨ ᠲᠥᠭᠦᠷᠢᠭ ᠤᠨ ᠪᠡᠯᠡ ᠤᠷᠤᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠣᠰᠣᠨ ᠴᠥᠬᠦᠷᠤᠮ ᠤᠨ ᠢᠨᠵᠧᠨᠧᠷᠢᠩ ᠢ ᠬᠡᠷᠡᠭᠵᠢᠬᠦᠯᠤᠨ᠂ 1557 ᠡᠷᠤᠬᠡ ᠮᠠᠯᠴᠢᠨ ᠲᠠᠷᠢᠶᠠᠴᠢᠨ ᠠᠰᠢᠭ ᠬᠥᠷᠳᠡᠪᠡ᠃ ᠨᠡᠶᠢᠳᠠ ᠶᠢᠨ ᠡᠷᠡᠬᠦᠯ ᠬᠠᠮᠠᠭᠠᠯᠠᠯ ᠤᠨ ᠥᠢᠯᠡᠴᠢᠯᠡᠭᠡ ᠳᠠᠰᠣᠷᠠᠯᠳᠠ ᠥᠭᠡᠢ  ᠳᠡᠭᠡᠭᠰᠢᠯᠡᠪᠡ᠃ ᠡᠮᠨᠡᠯᠭᠡ ᠶᠢᠨ ᠬᠤᠯᠪᠤᠭᠠᠳᠤ ᠴᠤᠭᠴᠠ᠂ ᠡᠮᠨᠡᠯᠭᠡ ᠶᠢᠨ ᠨᠢᠭᠡᠳᠤᠭ᠍ᠰᠡᠨ ᠴᠤᠭᠴᠠ ᠪᠠ ᠠᠯᠤᠰ ᠠᠴᠠ ᠡᠮᠴᠢᠯᠡᠬᠦ ᠪᠠᠶᠢᠭᠤᠯᠤᠯᠳᠠ ᠶᠢ ᠴᠢᠩᠭᠠᠳᠬᠠᠵᠤ᠂ ︽ᠨᠢᠭᠡ ᠥᠷᠳᠡᠭᠡᠨ ᠤ ᠬᠡᠯᠪᠡᠷᠢ︾  ᠶᠢᠨ ᠲᠠᠰᠣᠯᠣᠨ ᠪᠣᠳᠣᠬᠤ ᠰᠢᠰᠲ᠋ᠧᠮ ᠢ ᠠᠰᠢᠭᠯᠠᠯᠳᠠ ᠳᠤ ᠣᠷᠣᠭᠤᠯᠵᠤ᠂ ᠭᠠᠳᠠᠨ᠎ᠠ ᠤᠷᠤᠨ ᠳᠤ ᠡᠪᠡᠳᠴᠢᠨ ᠡᠮᠨᠡᠬᠦᠯᠬᠦ ᠳᠤ ᠴᠠᠭ ᠲᠤᠬᠠᠢ  ᠳᠤᠨᠢ ᠲᠠᠰᠣᠯᠣᠨ ᠪᠤᠳᠤᠬᠤ ᠶᠢ ᠪᠡᠶᠡᠯᠡᠬᠦᠯᠵᠤ᠂ ᠡᠮ ᠤᠨ ᠵᠥᠢᠯᠡᠰ ᠢ ᠬᠤᠳᠠᠯᠳᠤᠨ ᠠᠪᠬᠤ ᠳᠤ ︽ᠬᠤᠶᠠᠷ ᠪᠠᠷᠢᠮᠳᠠ ᠶᠢᠨ ᠳᠥᠷᠢᠮ︾  ᠢ ᠪᠥᠬᠦ ᠲᠠᠯ᠎ᠠ ᠪᠠᠷ ᠬᠡᠷᠡᠭᠵᠢᠬᠦᠯᠪᠡ᠃ ᠡᠮ ᠤᠨ ᠵᠥᠢᠯᠡᠰ ᠤᠨ ᠵᠠᠬ᠎ᠠ ᠳᠡᠯᠭᠡᠭᠦᠷ ᠢ ᠳᠥᠷᠢᠮᠵᠢᠬᠦᠯᠤᠨ ᠴᠡᠭᠴᠡᠯᠡᠵᠤ᠂ 605 ᠲᠥᠷᠤᠯ ᠤᠨ ᠡᠮ ᠤᠨ ᠵᠥᠢᠯᠡᠰ ᠤᠨ ᠥᠨ᠎ᠠ ᠶᠢ 5% - 20 % ᠪᠠᠷ ᠪᠠᠭᠤᠷᠠᠭᠤᠯᠵᠤ᠂ ᠤᠯᠠᠨ ᠨᠡᠶᠢᠳᠠ ᠶᠢᠨ ᠬᠥᠷᠳᠡᠭᠡᠮᠵᠢ ᠤᠯᠤᠭᠰᠠᠨ ᠲᠥᠷᠤᠭ᠍ᠳᠡᠯ ᠢ ᠤᠯᠠᠮ ᠨᠢᠭᠡ ᠠᠯᠬᠤᠮ ᠨᠡᠮᠡᠭᠳᠡᠭᠦᠯᠪᠡ᠃ ᠰᠣᠶᠣᠯ ᠤᠨ ᠥᠢᠯᠡᠰ ᠢ ᠡᠷᠴᠢᠮᠳᠠᠢ ᠬᠥᠭᠵᠢᠬᠦᠯᠪᠡ᠃ ᠥᠭᠡᠷᠡᠴᠢᠯᠡᠯᠳᠠ ᠬᠢᠵᠤ ᠴᠢᠯᠤᠭᠡᠲᠠᠢ ᠶᠠᠪᠤᠯᠴᠠᠭᠰᠠᠨ 40 ᠵᠢᠯ ᠤᠨ ᠤᠢ᠂ ᠣᠯᠠᠭᠠᠨᠮᠥ᠋ᠴᠢᠷ ᠪᠠᠶᠢᠭᠤᠯᠤᠭᠳᠠᠭᠰᠠᠨ 60 ᠵᠢᠯ ᠤᠨ ᠤᠢ ᠶᠢ ᠳᠤᠷᠠᠰᠬᠠᠬᠤ ᠰᠢᠷᠢᠰ ᠠᠵᠢᠯᠯᠠᠭ᠎ᠠ ᠶᠢ ᠥᠷᠨᠢᠬᠦᠯᠵᠤ᠂ ᠥᠪᠣᠷ ᠮᠣᠩᠭᠤᠯ ᠤᠨ ᠤᠷᠠᠯᠢᠭ ᠤᠨ ᠳᠡᠭᠡᠳᠣ ᠰᠣᠷᠭᠠᠭᠤᠯᠢ ᠶᠢᠨ ᠠᠯᠠᠱᠠ ᠵᠡᠬᠦᠨ ᠬᠤᠰᠢᠭᠤᠨ ᠳᠠᠬᠢ ᠣᠯᠠᠭᠠᠨᠮᠥ᠋ᠴᠢᠷ ᠤᠨ ᠰᠤᠷᠭᠠᠨ ᠬᠥᠮᠥᠵᠢᠯ ᠤᠨ ᠥᠢᠯᠡᠳᠤᠯᠭᠡ ᠶᠢᠨ ᠰᠠᠭᠤᠷᠢᠨ ᠭᠠᠵᠠᠷ ᠪᠠ ᠠᠵᠢᠯ ᠤᠯᠭᠤᠯᠳᠠ ᠶᠢᠨ  ᠳᠠᠳᠤᠯᠭ᠎ᠠ ᠶᠢᠨ ᠰᠠᠭᠤᠷᠢᠨ ᠭᠠᠵᠠᠷ ᠢ ᠪᠠᠶᠢᠭᠤᠯᠪᠠ᠃ ︽ᠤᠶᠤᠨᠳᠤ ᠰᠤᠶᠤᠯ ᠮᠤᠩᠭᠤᠯ ᠭᠡᠷ ᠲᠤ ᠰᠠᠭᠠᠳᠠᠭᠰᠠᠨ︾  ᠰᠠᠭᠤᠷᠢ ᠥᠷᠳᠡᠭᠡ ᠶᠢ 69 ᠪᠠᠶᠢᠭᠤᠯᠵᠤ᠂ ︽ᠬᠤᠲᠠ ᠶᠢᠨ ᠨᠣᠮ ᠤᠨ ᠥᠷᠤᠭᠡ︾  ᠠᠰᠢᠭᠯᠠᠯᠳᠠ ᠳᠤ ᠤᠷᠤᠵᠡᠢ᠃ ᠪᠥᠬᠦ ᠤᠯᠤᠰ ᠤᠨ ᠶᠢᠰᠣᠳᠣᠭᠡᠷ ᠬᠤᠭᠤᠴᠠᠭᠠᠨ ᠤ ︽ᠲᠡᠭᠷᠢ ᠶᠢᠨ ᠪᠤᠲᠤᠭᠤ︾  ᠢᠷᠠᠭᠤ ᠨᠠᠶᠢᠷᠠᠭ ᠤᠨ ᠲᠡᠮᠡᠴᠡᠭᠡᠨ ᠢ ᠠᠮᠵᠢᠯᠳᠠ ᠲᠠᠢ ᠡᠷᠬᠢᠯᠡᠵᠤ᠂ ᠴᠠᠭᠠᠨ ᠰᠠᠷ᠎ᠠ ᠶᠢᠨ ᠨᠠᠭᠠᠳᠤᠮ ᠲᠤᠭᠯᠠᠯᠳᠠ ᠵᠡᠷᠭᠡ 1700 ᠭᠠᠷᠤᠢ ᠲᠠᠯᠠᠪᠤᠷ ᠲᠤᠭᠯᠠᠯᠳᠠ ᠭᠠᠷᠭᠠᠪᠠ᠃ ︽ᠸᠠᠩ ᠤᠨ ᠤᠷᠳᠤᠨ ᠤ ᠥᠪᠡᠳᠡᠭᠰᠢ ᠲᠠᠶᠢᠯᠠᠯᠭ᠎ᠠ︾  ᠂ ︽ᠬᠤᠱᠣᠳ ᠬᠤᠷᠢᠮ︾  ᠂ ︽ᠪᠥᠬᠡ ᠱᠠᠯᠪᠢᠩ︾  ᠵᠡᠷᠭᠡ ᠠᠬᠤᠢ ᠲᠤᠭᠯᠠᠯᠳᠠ ᠶᠢ ᠨᠠᠶᠢᠷᠠᠭᠤᠯᠤᠨ᠂ ︽ ᠬᠠᠨ ᠲᠡᠭᠷᠢ ᠺᠢᠨᠣ᠋ ᠶᠢᠨ ᠬᠤᠳᠠ︾  ᠶᠢᠨ ᠪᠠᠷᠢᠯᠭ᠎ᠠ ᠠᠮᠵᠢᠯᠳᠠ ᠲᠠᠢ ᠰᠠᠭᠤᠷᠢ ᠲᠠᠯᠪᠢᠵᠤ᠂ ︽ᠬᠡᠭᠡᠷᠡᠯᠡᠨ ᠠᠶᠠᠯᠠᠭᠰᠠᠨ ᠪᠠᠭᠠᠳᠤᠷᠴᠤᠳ︾  ᠬᠡᠮᠡᠬᠦ ᠺᠢᠨᠤ᠋ ᠰᠡᠭᠦᠳᠡᠷᠯᠡᠬᠦ ᠠᠵᠢᠯ ᠢ ᠠᠮᠵᠢᠯᠳᠠᠳᠠᠢ ᠡᠬᠢᠯᠡᠬᠦᠯᠵᠤ᠂ ︽ᠣᠯᠠᠮᠵᠢᠯᠠᠯ︾  ᠬᠡᠬᠦ ᠪᠥᠵᠢᠭ ᠨᠢ ᠳᠠᠪᠤᠳᠤᠭᠠᠷ ᠬᠤᠭᠤᠴᠠᠭᠠᠨ ᠤ ᠪᠥᠬᠦ ᠤᠯᠤᠰ ᠤᠨ ᠮᠤᠩᠭᠤᠯ ᠪᠥᠵᠢᠭ ᠤᠨ ᠤᠷᠤᠯᠳᠤᠭᠠᠨ ᠳᠤ ᠠᠯᠲᠠᠨ ᠱᠠᠩᠨᠠᠯ ᠬᠥᠷᠳᠡᠪᠡ᠃ᠠᠮᠤᠷ ᠲᠥᠪᠰᠢᠨ ᠤ ᠰᠠᠭᠤᠷᠢ ᠶᠢ ᠡᠷᠴᠢᠮᠳᠠᠢ ᠪᠠᠬᠢᠵᠢᠬᠦᠯᠪᠡ᠃  ᠡᠷᠡᠬᠦᠯ ᠡᠩᠬᠡ ᠠᠯᠠᠱᠠ ᠵᠡᠬᠦᠨ ᠬᠤᠰᠢᠭᠤᠨ ᠤ ᠪᠥᠳᠤᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ   ᠪᠠᠷ ᠠᠬᠢᠭᠤᠯᠪᠠ᠃ ᠠᠶᠤᠯᠬᠦᠢ ᠥᠢᠯᠡᠳᠪᠤᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠵᠤ᠂ ᠡᠳᠣᠷ ᠲᠤᠳᠤᠮ ᠤᠨ ᠬᠢᠨᠠᠨ ᠬᠠᠮᠢᠶᠠᠷᠤᠯᠳᠠ᠂ ᠠᠵᠢᠯ ᠤᠨ ᠪᠠᠶᠢᠷᠢ ᠰᠣᠯᠢᠨ ᠡᠬᠡᠯᠵᠢᠯᠡᠬᠦᠯᠬᠦ ᠠᠵᠢᠯ ᠤᠨ ᠲᠤᠭᠲᠠᠯᠴᠠᠭ᠎ᠠ ᠶᠢ ᠪᠠᠶᠢᠭᠤᠯᠤᠨ᠂ ᠠᠭᠤᠷᠠᠬᠠᠢ᠂ ᠠᠶᠤᠯᠳᠠᠢ ᠬᠢᠮᠢ ᠶᠢᠨ ᠪᠤᠳᠠᠰ᠂ ᠰᠤᠷᠭᠠᠭᠤᠯᠢ᠂ ᠤᠰᠤᠨ ᠰᠤᠷᠪᠤᠯᠵᠢ ᠶᠢᠨ ᠭᠠᠵᠠᠷ᠂ ᠵᠠᠮ ᠲᠡᠭᠡᠭᠡᠪᠤᠷᠢ᠂ ᠤᠢ ᠰᠢᠭᠤᠢ ᠨᠣᠳᠤᠭ ᠪᠡᠯᠴᠢᠭᠡᠷ ᠤᠨ ᠭᠠᠯ ᠰᠡᠷᠬᠡᠶᠢᠯᠡᠬᠦ ᠵᠡᠷᠭᠡ ᠭᠤᠤᠯᠳᠠᠯᠭᠠᠳᠤ ᠠᠵᠢᠯ ᠲᠥᠷᠤᠯ᠂ ᠭᠤᠤᠯᠳᠠᠯᠭᠠᠳᠤ ᠬᠥᠷᠢᠶ᠎ᠡ ᠴᠠᠷ᠎ᠠ ᠳᠤ ᠪᠠᠶᠢᠩᠭᠤ ᠶᠢᠨ ᠬᠢᠨᠠᠯᠳᠠ ᠬᠠᠮᠢᠶᠠᠷᠤᠯᠳᠠ ᠶᠢ ᠭᠡᠷᠡᠭᠵᠢᠬᠦᠯᠵᠤ᠂ ᠠᠶᠤᠯᠬᠦᠢ ᠥᠢᠯᠡᠳᠪᠤᠷᠢᠯᠡᠯ ᠲᠤᠭᠳᠠᠭᠤᠨ ᠢᠶᠠᠷ ᠰᠠᠶᠢᠵᠢᠷᠠᠵᠡᠢ᠃ ᠢᠳᠡᠭᠡᠨ ᠤ ᠠᠮᠤᠷ ᠲᠥᠪᠰᠢᠨ ᠤ ᠬᠢᠨᠠᠨ ᠬᠠᠮᠢᠶᠠᠷᠤᠯᠳᠠ ᠶᠢ ᠴᠢᠩᠭᠠᠳᠬᠠᠵᠤ᠂ ᠪᠥᠸᠧ ᠯᠥᠩ ᠢᠳᠡᠭᠡᠨ ᠤ ᠵᠥᠢᠯᠡᠰ ᠢ ᠪᠤᠯᠪᠠᠰᠤᠷᠠᠭᠤᠯᠬᠤ ᠬᠥᠷᠢᠶᠡᠯᠡᠩ ᠢ ᠳᠡᠰ ᠳᠡᠪᠰᠢᠬᠦᠯᠬᠦ ᠵᠡᠷᠭᠡ ᠵᠠᠬ᠎ᠠ ᠳᠡᠯᠭᠡᠬᠦᠷ ᠤᠨ ᠬᠠᠮᠢᠶᠠᠷᠤᠯᠳᠠ ᠶᠢᠨ ᠲᠥᠪᠰᠢᠨ ᠢ ᠳᠡᠭᠡᠭᠰᠢᠯᠡᠬᠦᠯᠵᠤ᠂ ᠪᠤᠬᠢᠷᠳᠤᠯ ᠥᠭᠡᠢ ᠮᠢᠬ᠎ᠠ ᠨᠤᠭᠤᠭᠠᠨ ᠤ ᠭᠡᠳᠤ ᠳᠡᠯᠭᠡᠭᠦᠷ ᠪᠠ ᠵᠢᠱᠢᠶ᠎ᠡ ᠥᠵᠡᠬᠦᠯᠬᠦ 2 ᠰᠠᠭᠤᠷᠢᠨ ᠭᠠᠵᠠᠷ ᠢ ᠪᠠᠶᠢᠭᠤᠯᠵᠤ᠂ ᠢᠳᠡᠭᠡᠨ ᠤ ᠵᠥᠢᠯᠡᠰ ᠢ ᠪᠤᠯᠪᠠᠰᠤᠷᠠᠭᠤᠯᠬᠤ 22 ᠵᠥᠪᠰᠢᠶᠡᠷᠡᠯ ᠥᠭᠡᠢ ᠡᠵᠡᠩᠨᠡᠯᠳᠠ ᠶᠢᠨ ᠭᠠᠵᠠᠷ ᠢ ᠵᠤᠭᠰᠤᠭᠠᠨ᠂ ᠥᠶᠡᠷ ᠢ ᠰᠡᠷᠬᠡᠶᠢᠯᠡᠵᠤ᠂ ᠭᠠᠩ ᠲᠠᠢ ᠲᠡᠮᠡᠴᠡᠨ ᠭᠠᠮᠰᠢᠭ ᠢ ᠪᠠᠭᠠᠰᠬᠠᠬᠤ᠂ ︽ ᠠᠹᠷᠢᠺᠠ ᠲᠢᠪ ᠤᠨ ᠭᠠᠭ᠋ᠠᠢ ᠶᠢᠨ ᠬᠢᠵᠢᠭ︾  ᠢ ᠰᠡᠷᠬᠡᠶᠢᠯᠡᠬᠦ ᠪᠠ ᠭᠤᠤᠯᠳᠠᠯᠭ᠎ᠠ ᠲᠠᠢ ᠪᠠᠶᠠᠷ ᠨᠠᠭᠠᠳᠤᠮ ᠤᠨ ᠠᠵᠢᠯᠯᠠᠭ᠎ᠠ ᠶᠢ ᠵᠤᠬᠢᠴᠠᠭᠤᠯᠤᠨ ᠪᠠᠳᠤᠯᠠᠬᠤ ᠵᠡᠷᠭᠡ ᠠᠵᠢᠯ ᠢ ᠯᠠᠪᠳᠠᠭᠤᠨ ᠥᠷᠨᠢᠬᠦᠯᠵᠤ᠂ ᠶᠡᠷᠤᠩᠬᠡᠶᠢᠯᠡᠭᠰᠡᠨ ᠪᠠᠴᠢᠮ ᠢ ᠠᠷᠭᠠᠴᠠᠬᠤ ᠪᠠ ᠪᠠᠳᠤᠯᠠᠭᠠᠨ ᠤ ᠴᠢᠳᠠᠮᠵᠢ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠡᠢ᠃ ᠨᠡᠶᠢᠬᠡᠮ ᠢ ᠴᠡᠭᠴᠡᠯᠡᠨ ᠵᠠᠰᠠᠬᠤ ᠠᠵᠢᠯ ᠢ ᠡᠷᠴᠢᠮᠳᠠᠢ ᠴᠢᠩᠭᠠᠳᠬᠠᠪᠠ᠃ ᠠᠯᠠᠱᠠ ᠵᠡᠬᠦᠨ ᠬᠤᠰᠢᠭᠤᠨ ᠤ ᠬᠦᠳᠡᠯᠦᠩᠬᠦᠢ ᠤᠳᠤᠷᠢᠳᠬᠤ ᠲᠥᠪ ᠢ ᠪᠠᠶᠢᠭᠤᠯᠵᠤ᠂ ︽ ᠮᠢᠨᠤ ᠠᠯᠠᠱᠠ︾  ᠭᠠᠷ ᠣᠳᠠᠰᠣᠨ ᠤ APP ᠤᠨ ᠭᠡᠷᠡᠭᠯᠡᠭᠡ ᠶᠢ ᠲᠥᠭᠡᠮᠡᠯᠵᠢᠬᠦᠯᠵᠡᠢ᠃ ︽ᠬᠠᠷ᠎ᠠ ᠪᠥᠯᠤᠭ᠍ᠳᠡᠨ ᠬᠠᠷᠬᠢᠰ ᠬᠥᠴᠤᠨ ᠢ ᠠᠷᠢᠯᠭᠠᠬᠤ︾ ᠲᠤᠰᠬᠠᠢ ᠲᠡᠮᠡᠴᠡᠯ ᠢ ᠬᠥᠨᠵᠡᠭᠡᠢ ᠶᠠᠪᠤᠭᠳᠠᠭᠤᠯᠵᠤ᠂ 7 ᠬᠠᠷ᠎ᠠ ᠪᠥᠯᠤᠭ᠍ᠳᠡᠨ ᠬᠠᠷᠬᠢᠰ ᠬᠥᠴᠤᠨ ᠳᠤ ᠴᠤᠬᠢᠯᠳᠠ ᠥᠭᠴᠡᠢ᠃  ᠵᠥᠷᠢᠴᠡᠯ ᠢ ᠨᠠᠮᠳᠠᠭᠠᠬᠤ᠂ ᠨᠡᠶᠢᠬᠡᠮ ᠤᠨ ᠠᠮᠤᠷ ᠲᠥᠪᠰᠢᠨ ᠢ ᠪᠠᠳᠤᠯᠠᠬᠤ᠂ ᠥᠨᠡᠨᠴᠢ ᠢᠳᠡᠭᠡᠮᠵᠢ ᠶᠢᠨ ᠲᠤᠭᠲᠠᠯᠴᠠᠭᠠᠨ ᠤ ᠪᠥᠳᠤᠭᠡᠨ ᠪᠠᠶᠢᠭᠤᠯᠤᠯᠳᠠ ᠵᠡᠷᠭᠡ ᠠᠵᠢᠯ ᠢ ᠯᠠᠪᠳᠠᠭᠤᠨ ᠰᠠᠶᠢᠲᠤᠷ ᠬᠢᠵᠤ᠂ ᠬᠥᠯᠤᠰᠤᠨ ᠠᠵᠢᠯᠴᠢᠨ ᠤ 3088 ᠲᠥᠮᠡᠨ ᠲᠥᠭᠦᠷᠢᠭ ᠤᠨ ᠴᠠᠯᠢᠩ  ᠮᠥᠩᠬᠦᠨ ᠤ ᠠᠰᠠᠭᠤᠳᠠᠯ ᠢ ᠰᠢᠢᠳᠪᠤᠷᠢᠯᠡᠵᠤ᠂ ᠨᠡᠬᠦᠯᠭᠡᠨ ᠲᠥᠪᠬᠢᠨᠡᠬᠦᠯᠬᠦ᠂ ᠭᠠᠵᠠᠷ ᠰᠢᠷᠤᠢ ᠭᠡᠷ ᠬᠥᠷᠤᠩᠭᠡ ᠶᠢᠨ ᠰᠤᠯᠢᠯᠴᠠᠭ᠎ᠠ ᠵᠡᠷᠭᠡ ᠬᠥᠷᠢᠶ᠎ᠡ ᠴᠠᠷ᠎ᠠ ᠶᠢᠨ ᠥᠯᠡᠳᠡᠭᠳᠡᠯ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠤᠷᠢᠯᠡᠵᠡᠢ᠃ ᠠᠷᠪᠠᠳᠤᠭᠠᠷ ᠬᠤᠭᠤᠴᠠᠭᠠᠨ ᠤ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠤ ᠬᠤᠭᠤᠴᠠᠭ᠎ᠠ ᠰᠣᠯᠢᠬᠤ ᠰᠤᠩᠭᠤᠭᠤᠯᠢ᠂ ᠴᠡᠷᠢᠭ ᠠᠴᠠ ᠬᠠᠯᠠᠭᠰᠠᠳ ᠤᠨ ᠨᠠᠮᠳᠠᠷ ᠢ ᠡᠮᠬᠢᠳᠬᠡᠬᠦ ᠠᠵᠢᠯ ᠢ ᠳᠡᠬᠦᠰ ᠠᠮᠵᠢᠯᠳᠠ ᠲᠠᠢ ᠪᠡᠶᠡᠯᠡᠬᠦᠯᠵᠤ᠂ ︽ᠳᠤᠯᠤᠳᠤᠭᠠᠷ ᠲᠠᠪᠤᠨ ᠵᠢᠯ︾ ᠤᠨ ᠬᠠᠤᠯᠢ ᠲᠥᠬᠡᠮᠡᠯᠵᠢᠬᠦᠯᠤᠯᠳᠠ ᠨᠢ ᠥᠪᠡᠷᠳᠡᠭᠡᠨ ᠵᠠᠰᠠᠬᠤ ᠤᠷᠤᠨ ᠤ ᠲᠤᠮᠳᠠ ᠬᠤᠭᠤᠴᠠᠭᠠᠨ ᠤ ᠰᠢᠯᠭᠠᠨ ᠪᠠᠶᠢᠴᠠᠭᠠᠯᠳᠠ ᠶᠢ ᠥᠩᠭᠡᠷᠡᠭᠡᠪᠡ᠃ᠨᠢᠭᠡ ᠵᠢᠯ ᠤᠨ ᠲᠤᠷᠰᠢ᠂ ᠪᠢᠳᠠ ᠠᠷᠠᠳ ᠤᠨ ᠲᠥᠯᠥᠭᠡ ᠵᠠᠰᠠᠭ ᠪᠠᠷᠢᠵᠤ᠂ ᠠᠷᠠᠳ ᠠᠴᠠ ᠠᠷᠭ᠎ᠠ ᠤᠬᠠᠭᠠᠨ ᠰᠥᠪᠡᠭᠴᠢᠯᠡᠨ᠂ ᠵᠠᠰᠠᠭ ᠤᠨ ᠣᠷᠳᠤᠨ ᠤ ᠴᠢᠳᠠᠪᠬᠢ ᠪᠠ ᠨᠡᠶᠢᠳᠠ ᠶᠢᠨ ᠢᠳᠡᠭᠡᠮᠵᠢ ᠶᠢᠨ ᠬᠥᠴᠤᠨ ᠢ ᠪᠥᠬᠦ ᠲᠠᠯ᠎ᠠ ᠪᠠᠷ ᠳᠡᠭᠡᠭᠰᠢᠯᠡᠬᠦᠯᠪᠡ᠃ᠠᠵᠢᠯ ᠤᠨ ᠰᠤᠷᠳᠠᠯ ᠢᠶᠠᠨ ᠢᠳᠡᠪᠬᠢᠳᠡᠢ ᠬᠤᠪᠢᠷᠠᠭᠤᠯᠪᠠ᠃ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠨᠠᠶᠢᠳᠠᠪᠣᠷᠢᠵᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾  ᠭᠤᠤᠯ ᠰᠡᠳᠤᠪᠳᠤ ᠬᠥᠮᠤᠵᠢᠯ ᠢ ᠶᠡᠬᠡᠪᠠᠷ ᠤᠬᠠᠭᠤᠯᠵᠤ᠂ ᠶᠡᠬᠡᠪᠠᠷ ᠰᠤᠳᠤᠯᠤᠨ ᠪᠠᠶᠢᠴᠠᠭᠠᠬᠤ᠂ ᠶᠡᠭᠡᠪᠠᠷ ᠨᠠᠶᠢᠳᠠᠪᠤᠷᠢᠵᠢᠭᠤᠯᠬᠤ ᠠᠵᠢᠯᠯᠠᠭ᠎ᠠ ᠶᠢ ᠯᠠᠪᠳᠠᠭᠤᠨ ᠥᠷᠨᠢᠬᠦᠯᠵᠤ᠂ ᠪᠠᠶᠢᠴᠠᠭᠠᠨ ᠴᠤᠭᠯᠠᠭᠤᠯᠤᠭᠰᠠᠨ 1279 ᠠᠰᠠᠭᠤᠳᠠᠯ ᠢ ᠪᠥᠬᠦᠨ ᠢ ᠰᠢᠢᠳᠪᠤᠷᠢᠯᠡᠨ ᠬᠠᠷᠢᠭᠤᠯᠳᠠ ᠥᠭᠴᠡᠢ᠃ ᠲᠥᠪ ᠬᠤᠷᠢᠶᠠᠨ ᠤ ᠨᠠᠢᠮᠠᠨ ᠲᠤᠭᠳᠠᠭᠠᠯ ᠤᠨ ᠵᠣᠷᠢᠭ ᠰᠠᠨᠠᠭ᠎ᠠ ᠪᠠ ᠭᠡᠷᠡᠭᠵᠢᠬᠦᠯᠬᠦ ᠨᠠᠷᠢᠨ ᠲᠥᠷᠢᠮ ᠢ ᠡᠷᠡᠰ ᠴᠢᠩᠭ᠎ᠠ ᠨᠠᠶᠢᠳᠠᠪᠤᠷᠢᠵᠢᠭᠤᠯᠵᠤ᠂ ︽ᠲᠥᠷᠪᠡᠨ ᠰᠤᠷᠳᠠᠯ︾  ᠢ ᠥᠨᠡᠨᠬᠦ ᠵᠠᠯᠠᠷᠠᠭᠤᠯᠵᠤ᠂ ᠵᠠᠰᠠᠭ ᠤᠨ ᠤᠷᠳᠤᠨ ᠤ ᠥᠵᠡᠯ ᠤᠬᠠᠮᠰᠠᠷ ᠤᠨ ᠬᠡᠯᠪᠡᠷᠢ ᠪᠠ ᠨᠠᠮ ᠤᠨ ᠰᠤᠷᠳᠠᠯ ᠴᠢᠬᠡᠴᠢ ᠵᠠᠰᠠᠭ ᠤᠨ ᠪᠠᠶᠢᠭᠤᠯᠤᠯᠳᠠ ᠪᠠᠨ ᠲᠠᠰᠣᠷᠠᠯᠳᠠ ᠥᠭᠡᠢ ᠴᠢᠩᠭᠠᠳᠬᠠᠵᠤ᠂ ︽ᠠᠯᠪᠠᠨ ᠤ ᠭᠤᠷᠪᠠᠨ ᠵᠠᠷᠤᠳᠠᠯ︾ ᠢ ᠠᠳᠠᠯᠢ ᠬᠤᠭᠤᠴᠠᠭᠠᠨ ᠤ ᠬᠢ ᠠᠴᠠ 22.7 %  ᠪᠠᠷ ᠪᠠᠭᠤᠷᠠᠭᠤᠯᠵᠡᠢ᠃  ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠥᠬᠦ ᠲᠠᠯ᠎ᠠ ᠪᠠᠷ ᠬᠥᠨᠵᠡᠬᠡᠶᠢᠷᠡᠬᠦᠯᠪᠡ᠃ ᠬᠠᠤᠯᠢᠵᠢᠵᠤ ᠲᠥᠷᠢᠮᠵᠢᠭᠰᠡᠨ ᠵᠠᠰᠠᠭ ᠤᠨ ᠣᠷᠳᠣᠨ ᠤ ᠪᠠᠶᠢᠭᠤᠯᠤᠯᠳᠠ ᠶᠢ ᠯᠠᠪᠳᠠᠭᠤᠨ ᠠᠬᠢᠭᠤᠯᠵᠤ᠂ ᠠᠷᠠᠳ ᠤᠨ ᠲᠥᠯᠤᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠨ ᠤ ᠬᠢᠨᠠᠯᠳᠠ ᠪᠠ ᠣᠯᠣᠰ ᠲᠥᠷᠤ ᠶᠢᠨ ᠵᠥᠪᠯᠡᠯᠬᠡᠨ ᠤ ᠠᠷᠠᠳᠴᠢᠯᠠᠭᠰᠠᠨ ᠬᠢᠨᠠᠯᠳᠠ ᠶᠢ ᠤᠬᠠᠮᠰᠠᠷ ᠠᠴᠠ ᠪᠠᠨ ᠬᠥᠯᠢᠶᠠᠨ ᠠᠪᠴᠤ᠂ 120 ᠰᠠᠨᠠᠯ ᠳᠤᠷᠠᠳᠤᠯᠭ᠎ᠠ᠂ ᠰᠠᠨᠠᠯ ᠵᠥᠪᠯᠡᠯᠭᠡ ᠶᠢ ᠭᠥᠢᠴᠡᠳᠬᠡᠵᠤ᠂  ᠬᠥᠢᠴᠡᠳᠬᠡᠭᠰᠡᠨ ᠨᠤᠷᠮ᠎ᠠ ᠪᠠ ᠬᠠᠨᠤᠮᠵᠢ ᠶᠢᠨ ᠨᠤᠷᠮ᠎ᠠ ᠨᠢ 100 % ᠳᠤ ᠬᠥᠷᠤᠭ᠍ᠰᠡᠨ ᠪᠠᠶᠢᠨ᠎ᠠ᠃ ᠲᠥᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ︽ ᠡᠷᠭᠢᠵᠤ ᠪᠠᠶᠢᠴᠠᠭᠠᠬᠤ︾  ᠂ ᠲᠥᠷᠤ ᠶᠢᠨ ᠶᠠᠪᠤᠳᠠᠯ ᠤᠨ ᠬᠤᠷᠢᠶᠠᠨ ᠤ ᠲᠠᠪᠤᠳᠤᠭᠠᠷ ᠤᠳᠠᠭᠠᠨ ᠤ ᠶᠡᠭᠡ ᠱᠠᠭᠠᠷᠳᠠᠨ ᠪᠠᠶᠢᠴᠠᠭᠠᠯᠳᠠ ᠪᠠ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠳᠤ ᠢᠯᠡᠷᠡᠬᠦᠯᠤᠭ᠍ᠰᠡᠨ ᠠᠰᠠᠭᠤᠳᠠᠯ ᠢ ᠵᠠᠯᠠᠷᠠᠭᠤᠯᠬᠤ ᠠᠵᠢᠯ ᠢ ᠬᠥᠨᠵᠡᠭᠡᠢ ᠥᠷᠨᠢᠬᠦᠯᠵᠤ᠂ ᠨᠢᠭᠡ ᠶᠠᠪᠤᠳᠠᠯ ᠠᠴᠠ ᠤᠯᠠᠨ ᠶᠤᠰᠤ ᠶᠢ ᠤᠬᠠᠵᠤ᠂ ᠣᠨᠣᠰᠢᠯᠠᠨ ᠡᠮᠴᠢᠯᠡᠵᠤ᠂ ᠵᠠᠯᠠᠷᠠᠭᠤᠯᠤᠭᠰᠠᠨ ᠥᠷ᠎ᠡ ᠪᠥᠳᠤᠮᠵᠢ ᠪᠠᠨ ᠬᠤᠪᠢᠷᠠᠭᠤᠯᠤᠨ ᠬᠠᠤᠯᠢ ᠶᠤᠰᠤᠭᠠᠷ ᠵᠠᠰᠠᠭ ᠶᠠᠪᠤᠭᠤᠯᠬᠤ᠂ ᠬᠠᠤᠯᠢ ᠶᠤᠰᠤᠭᠠᠷ ᠡᠬᠦᠷᠭᠡ ᠲᠤᠰᠢᠶᠠᠯ ᠢᠶᠠᠨ ᠬᠥᠢᠴᠡᠳᠭᠡᠭᠦ ᠶᠢ ᠠᠬᠢᠭᠤᠯᠬᠤ  ᠪᠤᠳᠠᠳᠤ ᠠᠵᠢᠯᠯᠠᠭ᠎ᠠ ᠪᠤᠯᠭᠠᠪᠠ᠃ ᠨᠢᠭᠡ ᠵᠢᠯ ᠤᠨ ᠲᠤᠷᠰᠢ᠂ ᠪᠢᠳᠠ ᠡᠯ᠎ᠡ ᠲᠥᠷᠤᠯ ᠤᠨ ᠠᠵᠢᠯ ᠥᠢᠯᠡᠰ ᠢ ᠨᠢᠭᠡᠳᠤᠯᠳᠠᠢ ᠲᠥᠯᠤᠪᠯᠡᠨ ᠠᠬᠢᠭᠤᠯᠵᠤ᠂  ᠭᠠᠳᠠᠭᠠᠳᠤ ᠬᠠᠷᠢᠶᠠᠳᠤ ᠶᠢᠨ ᠶᠠᠪᠤᠳᠠᠯ᠂ ᠡᠮᠡᠭᠳᠠᠶᠢᠴᠣᠳ ᠪᠠ ᠬᠡᠣᠭᠡᠳ ᠪᠠᠭᠠᠴᠣᠳ᠂ ᠤᠯᠠᠭᠠᠨ ᠵᠠᠭᠠᠯᠮᠠᠶᠢᠳᠠᠨ ᠤ ᠨᠡᠶᠢᠬᠡᠮᠯᠢᠭ᠂ ᠡᠬᠡ ᠣᠯᠣᠰ ᠢᠶᠠᠨ ᠬᠠᠶᠢᠷᠠᠯᠠᠬᠤ ᠡᠷᠡᠬᠦᠯ ᠬᠠᠮᠠᠭᠠᠯᠠᠯ ᠵᠡᠷᠭᠡ ᠠᠵᠢᠯ ᠲᠠᠰᠤᠷᠠᠯᠳᠠ ᠥᠭᠡᠢ ᠳᠠᠪᠰᠢᠵᠤ᠂ ᠴᠠᠭ ᠠᠭᠤᠷ᠂ ᠲᠤᠭ᠎ᠠ ᠪᠥᠷᠢᠳᠭᠡᠯ᠂ ᠳᠠᠩᠰᠠ ᠡᠪᠬᠡᠮᠡᠯ ᠲᠡᠤᠬᠡ ᠤᠶᠢᠯᠠᠯᠭ᠎ᠠ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠨ᠂ ᠬᠤᠶᠠᠷ ᠢ ᠬᠥᠷᠢᠶᠡᠯᠡᠬᠦ᠂ ᠥᠨᠳᠣᠰᠣᠳᠡᠨ ᠤ ᠪᠥᠯᠬᠦᠮᠳᠡᠯ ᠪᠠ ᠣᠯᠣᠰ ᠤᠨ ᠪᠠᠳᠤᠯᠠᠨ ᠬᠠᠮᠠᠭᠠᠯᠠᠯᠳᠠ ᠶᠢᠨ ᠳᠠᠶᠢᠴᠢᠯᠠᠯᠳᠠ ᠵᠡᠷᠭᠡ ᠠᠵᠢᠯ ᠰᠢᠨ᠎ᠠ ᠥᠷ᠎ᠠ ᠪᠥᠳᠤᠮᠵᠢ ᠣᠯᠵᠡᠢ᠃ ᠲᠥᠯᠤᠭᠡᠯᠡᠭᠴᠢᠳ ᠡ᠂ ᠤᠴᠢᠷ ᠶᠠᠪᠤᠳᠠᠯ ᠢ ᠥᠯᠥ ᠥᠩᠭᠡᠷᠡᠬᠦᠯᠪᠡᠰᠤ ᠬᠦᠴᠢᠷ ᠢ ᠥᠯᠤ ᠮᠡᠳᠡᠮᠤᠢ᠂ ᠥᠵᠡᠬᠦ ᠳᠤ ᠬᠢᠯᠪᠠᠷ ᠪᠣᠯᠪᠠᠴᠣ ᠥᠨᠡᠨᠳᠡᠭᠡᠨ ᠬᠥᠴᠢᠷᠲᠠᠢ ᠶᠤᠮ︕ ᠨᠢᠭᠡ ᠵᠢᠯ ᠤᠨ ᠲᠤᠷᠰᠢᠳᠠ᠂ ᠨᠠᠷᠢᠨ ᠪᠤᠳᠤᠯᠢᠶᠠᠨᠲᠠᠢ ᠪᠥᠭᠡᠳ ᠬᠤᠪᠢᠷᠠᠯᠳᠠ ᠶᠡᠬᠡᠳᠠᠢ ᠬᠥᠭᠵᠢᠯᠳᠠ ᠶᠢᠨ ᠪᠠᠶᠢᠳᠠᠯ ᠳᠤ᠂ ᠪᠥᠬᠦ ᠬᠤᠰᠢᠭᠤ ᠪᠠᠷ ᠢᠶᠠᠨ ᠵᠢᠷᠤᠬᠡ ᠰᠡᠳᠬᠢᠯ ᠢᠶᠠᠨ ᠨᠢᠭᠡᠳᠭᠡᠵᠤ᠂ ᠮᠥᠷᠤ ᠵᠡᠷᠭᠡᠴᠡᠨ ᠬᠠᠮᠳᠤ ᠶᠢ ᠵᠤᠷᠢᠵᠤ᠂ ᠵᠢᠷᠭᠠᠯ ᠵᠤᠪᠠᠯᠠᠩ ᠢᠶᠠᠨ ᠬᠠᠮᠳᠤᠳᠬᠠᠨ᠂ ᠴᠢᠬᠤᠯᠠ ᠶᠡᠭᠡ ᠥᠷᠢᠰᠤᠯᠳᠤᠭᠡᠨ ᠢ ᠪᠥᠳᠤᠮᠵᠢᠲᠠᠢ ᠠᠷᠭᠠᠴᠠᠭᠠᠵᠤ᠂ ᠬᠥᠨᠳᠤ ᠶᠡᠭᠡ ᠠᠶᠤᠯ ᠲᠥᠭᠰᠢᠬᠦᠷᠢ ᠪᠠ ᠵᠥᠷᠢᠴᠡᠯ ᠢ ᠪᠥᠬᠦ ᠬᠥᠴᠤ ᠪᠠᠷ ᠨᠠᠮᠳᠠᠭᠤᠯᠤᠨ ᠰᠢᠢᠳᠪᠤᠷᠢᠯᠡᠵᠤ᠂ ᠠᠵᠤ ᠠᠬᠤᠢ ᠨᠡᠶᠢᠬᠡᠮ ᠤᠨ ᠡᠯ᠎ᠡ ᠲᠥᠷᠤᠯ ᠤᠨ ᠠᠵᠢᠯ ᠥᠢᠯᠡᠰ ᠤᠨ ᠬᠥᠭᠵᠢᠯᠳᠠ ᠳᠤ ᠡᠶᠢᠮᠤᠷᠬᠦ ᠥᠷ᠎ᠡ ᠪᠥᠳᠤᠮᠵᠢ ᠶᠢ ᠤᠯᠤᠭᠰᠠᠨ ᠨᠢ ᠨᠡᠭᠡᠷᠡᠨ ᠬᠢᠯᠪᠠᠷ ᠪᠤᠰᠤ ᠶᠤᠮ︕ ᠡᠨᠡ ᠪᠣᠯ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠣᠯᠭ᠎ᠠ ᠤᠨ ᠥᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠥᠷᠤ ᠶᠢᠨ ᠵᠥᠪᠯᠡᠯᠭᠡᠨ ᠪᠠ ᠨᠡᠶᠢᠬᠡᠮ ᠤᠨ ᠡᠯ᠎ᠡ ᠡᠳᠡᠭᠡᠳ ᠤᠨ ᠬᠢᠨ ᠤ ᠬᠢᠨᠠᠯᠳᠠ ᠳᠡᠮᠵᠢᠯᠭᠡ ᠶᠢᠨ ᠥᠷ᠎ᠡ ᠳ᠋ᠦᠩ᠂ ᠮᠥᠨᠴᠤ ᠪᠥᠬᠦ ᠬᠤᠰᠢᠭᠤ ᠳᠠᠶᠠᠭᠠᠷ ᠢᠶᠠᠨ ᠡᠷᠡᠮᠡᠭᠡᠶᠢᠯᠡᠨ ᠰᠢᠷᠭᠠᠭᠤ ᠴᠢᠷᠮᠠᠶᠢᠭᠰᠠᠨ ᠤ ᠥᠷ᠎ᠡ ᠳ᠋ᠦᠩ ᠶᠤᠮ᠃ ᠠᠳᠠ᠂ ᠪᠢ ᠬᠤᠰᠢᠭᠤᠨ ᠤ ᠵᠠᠰᠠᠭ ᠤᠨ ᠤᠷᠳᠤᠨ ᠢ ᠲᠥᠯᠥᠭᠡᠯᠡᠵᠤ᠂ ᠠᠵᠢᠯ ᠤᠨ ᠡᠯ᠎ᠡ ᠹᠷᠤᠨᠲ ᠳᠡᠭᠡᠷ᠎ᠡ ᠰᠢᠷᠭᠠᠭᠤ ᠠᠵᠢᠯᠯᠠᠵᠤ ᠪᠠᠶᠢᠭ᠎ᠠ ᠥᠷᠭᠡᠨ ᠤᠯᠠᠨ ᠺᠠᠳ᠋ᠷ ᠠᠵᠢᠯᠳᠠᠨ᠂ ᠠᠯᠠᠱᠠ ᠵᠡᠬᠦᠨ ᠬᠤᠰᠢᠭᠤᠨ ᠤ ᠪᠥᠲᠤᠭᠡᠨ ᠪᠠᠶᠢᠭᠤᠯᠤᠯᠳᠠ ᠪᠠ ᠬᠥᠭᠵᠢᠯᠳᠠ ᠶᠢᠨ ᠥᠢᠯᠡᠰ ᠢ ᠬᠠᠯᠠᠮᠵᠢᠯᠠᠨ ᠳᠡᠳᠬᠦᠵᠤ ᠪᠠᠶᠢᠭ᠎ᠠ ᠡᠯ᠎ᠡ ᠱᠠᠳᠣᠨ ᠤ ᠤᠳᠤᠷᠢᠳᠤᠯᠭ᠎ᠠ ᠪᠠ ᠨᠡᠶᠢᠬᠡᠮ ᠤᠨ ᠡᠯ᠎ᠡ ᠡᠳᠡᠭᠡᠳ ᠤᠨ  ᠬᠢᠨ ᠳᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ ᠬᠥᠨᠳᠤᠳᠬᠡᠯ ᠢᠶᠠᠨ ᠳᠡᠪᠰᠢᠬᠦᠯᠥᠶ᠎ᠡ︕ᠢᠷᠡᠭᠡᠳᠤᠢ ᠪᠠᠨ ᠪᠠᠷᠠᠯᠠᠬᠤᠶ᠎ᠠ᠂ ᠬᠥᠭᠵᠢᠯᠳᠠ ᠶᠢᠨ ᠵᠠᠮ ᠳᠤ ᠬᠦᠴᠢᠷ ᠪᠡᠷᠭᠡᠰᠢᠶᠠᠯ ᠲᠠᠢ᠂ ᠡᠭᠦᠷᠭᠡ ᠬᠥᠨᠳᠤ ᠵᠠᠮ ᠬᠤᠯᠠ ᠪᠠᠶᠢᠭᠰᠠᠭᠠᠷ᠃ ᠪᠠᠭᠤᠷᠠᠢ ᠬᠥᠭᠵᠢᠯᠳᠠ᠂ ᠬᠤᠵᠢᠮᠳᠠᠭᠤ ᠬᠥᠭᠵᠢᠯᠳᠠ ᠨᠢ ᠠᠯᠠᠱᠠ ᠵᠡᠬᠦᠨ ᠬᠤᠰᠢᠭᠤᠨ ᠤ ᠬᠠᠮᠤᠭ ᠥᠨᠳᠤᠰᠤᠨ ᠪᠠᠶᠢᠳᠠᠯ ᠮᠥᠷᠳᠡᠭᠡᠨ᠂ ᠬᠥᠭᠵᠢᠯᠳᠠ ᠪᠠᠷ ᠲᠤᠳᠠᠮᠠᠭ ᠪᠠᠶᠢᠭ᠎ᠠ ᠨᠢ ᠮᠥᠨ ᠯᠠ ᠮᠠᠨ ᠤ ᠬᠤᠰᠢᠭᠤᠨ ᠤ ᠳᠤᠳᠠᠭᠳᠠᠯ ᠮᠥᠨ ᠭᠡᠳᠡᠭ ᠢ ᠰᠡᠷᠭᠡᠭ ᠢᠶᠠᠷ ᠤᠯᠵᠣ ᠲᠠᠨᠢᠬᠤ ᠭᠡᠷᠡᠭᠲᠠᠢ᠃ ᠳᠤᠪᠤᠶᠢᠮ᠎ᠠ ᠢᠯᠡᠷᠡᠯ ᠨᠢ᠄ ᠨᠢᠭᠡ ᠳᠤ᠂ ᠤᠯᠠᠮᠵᠢᠯᠠᠯᠳᠤ ᠠᠵᠤ ᠥᠢᠯᠡᠰ ᠢ ᠥᠭᠡᠷᠡᠴᠢᠯᠡᠵᠤ ᠳᠡᠰ ᠳᠡᠪᠰᠢᠬᠦᠯᠬᠦ ᠨᠢ ᠤᠳᠠᠭᠠᠨ ᠪᠠᠶᠢᠵᠤ᠂ ᠳᠡᠭᠡᠳᠤ ᠳᠡᠰ ᠤᠨ ᠠᠵᠤ ᠥᠢᠯᠡᠰ ᠤᠨ ᠬᠥᠭᠵᠢᠯᠳᠠ ᠶᠢᠨ ᠴᠢᠳᠠᠮᠵᠢ ᠳᠤᠤᠷ᠎ᠠ᠂ ᠠᠵᠤ ᠥᠢᠯᠡᠰ ᠤᠨ ᠲᠡᠪᠴᠡᠩ ᠤᠨ ᠳᠠᠭᠠᠭᠠᠬᠤ ᠴᠢᠳᠠᠪᠤᠷᠢ ᠶᠢ ᠳᠡᠭᠡᠭᠰᠢᠯᠡᠬᠦᠯᠬᠦ ᠴᠢᠬᠤᠯᠠᠳᠠᠢ ᠪᠠᠶᠢᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦᠯᠬᠦ᠂ ᠴᠢᠨᠠᠷᠯᠢᠭ ᠬᠥᠭᠵᠢᠬᠦᠯᠬᠦ ᠡᠬᠦᠷᠭᠡ ᠪᠠᠰᠠ ᠯᠠ ᠬᠥᠨᠳᠤ ᠪᠠᠶᠢᠭᠰᠠᠭᠠᠷ᠃ ᠬᠤᠶᠠᠷ ᠲᠤ᠂ ᠰᠢᠨ᠎ᠠ ᠠᠵᠤ ᠠᠬᠤᠢ ᠶᠢᠨ ᠨᠡᠮᠡᠭᠳᠡᠯ ᠴᠡᠭ ᠬᠠᠷᠠᠬᠠᠨ ᠪᠥᠷᠢᠯᠳᠤᠭᠡᠳᠤᠢ᠂ ᠥᠷ᠎ᠡ ᠠᠰᠢᠭ ᠨᠢ ᠲᠡᠶᠢᠮᠤ  ᠢᠯᠡᠷᠭᠡᠢ ᠪᠢᠰᠢ᠂ ᠡᠳ᠋ ᠮᠥᠩᠬᠦᠨ ᠤ ᠪᠠ ᠭᠠᠶᠢᠯᠢ ᠶᠢᠨ ᠢᠷᠡᠯᠳᠠ ᠲᠤᠳᠠᠮᠠᠭ ᠪᠠᠶᠢᠵᠤ᠂ ᠡᠳ᠋ ᠤᠨ ᠵᠠᠰᠠᠭ ᠤᠨ ᠤᠷᠤᠯᠭ᠎ᠠ ᠶᠢᠨ ᠨᠡᠮᠡᠭᠳᠡᠯ ᠤᠨ ᠬᠥᠴᠣᠨ ᠮᠡᠬᠦᠰᠳᠡᠵᠤ᠂ ᠨᠡᠶᠢᠳᠠ ᠶᠢᠨ ᠥᠢᠯᠡᠴᠢᠯᠡᠭᠡ᠂ ᠠᠷᠠᠳ ᠤᠨ ᠠᠮᠢᠳᠤᠷᠠᠯ ᠤᠨ ᠪᠠᠳᠤᠯᠠᠭ᠎ᠠ ᠵᠡᠷᠭᠡ ᠡᠷᠬᠡᠪᠰᠢ ᠭᠡᠷᠡᠭᠯᠡᠬᠦ ᠵᠠᠷᠤᠳᠠᠯ ᠨᠡᠮᠡᠭᠳᠡᠭᠰᠡᠨ ᠠᠴᠠ ᠪᠤᠯᠤᠭᠰᠠᠨ ᠵᠥᠷᠢᠴᠡᠯ ᠮᠥᠨ ᠯᠠ ᠲᠤᠪᠤᠶᠢᠮ᠎ᠠ ᠪᠠᠶᠢᠭᠰᠠᠭᠠᠷ᠃ ᠭᠤᠷᠪᠠ ᠳᠤ᠂ ᠵᠠᠰᠠᠭ ᠤᠨ ᠤᠷᠳᠤᠨ ᠤ ᠥᠷᠢ ᠦᠭᠴᠡᠭᠡ ᠶᠢ ᠨᠠᠮᠳᠠᠭᠠᠨ ᠰᠢᠢᠳᠪᠤᠷᠢᠯᠡᠬᠦ ᠠᠷᠭ᠎ᠠ ᠪᠣᠳᠣᠯᠭ᠎ᠠ ᠴᠥᠭᠡᠨ᠂ ᠬᠥᠨᠳᠤ ᠶᠡᠭᠡ ᠠᠶᠤᠯ ᠲᠥᠭᠰᠢᠬᠦᠷᠢ ᠶᠢ  ᠰᠡᠷᠬᠡᠶᠢᠯᠡᠬᠦ᠂ ᠶᠠᠳᠠᠭᠤ ᠠᠴᠠ ᠠᠩᠭᠢᠵᠢᠷᠠᠭᠤᠯᠬᠤ ᠰᠢᠪᠳᠤᠯᠤᠯᠳᠠ᠂ ᠪᠤᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠠᠯ᠎ᠠ ᠪᠠᠷ ᠪᠠᠰᠠ ᠥᠷᠬᠦᠯᠵᠢᠯᠡᠨ ᠴᠢᠷᠮᠠᠶᠢᠵᠤ᠂ ᠰᠢᠨᠳᠠᠷᠠᠰᠢ ᠥᠭᠡᠢ ᠰᠠᠶᠢᠳᠤᠷ ᠠᠳᠬᠤᠬᠤ ᠴᠢᠬᠤᠯᠠᠳᠠᠢ ᠪᠠᠶᠢᠭᠰᠠᠭᠠᠷ᠃ ᠳᠥᠷᠪᠡ ᠳᠤ᠂ ︽ ᠪᠠᠭᠤᠯᠭᠠᠬᠤ ᠬᠠᠮᠢᠶᠠᠷᠬᠤ ᠥᠢᠯᠡᠴᠢᠯᠡᠬᠦ︾  ᠥᠭᠡᠷᠡᠴᠢᠯᠡᠯᠳᠠ ᠨᠢ ᠤᠯᠠᠨ ᠲᠥᠮᠡᠨ ᠪᠠ ᠠᠵᠤ ᠠᠬᠤᠶᠢᠯᠠᠯ ᠤᠨ ᠱᠠᠭᠠᠷᠳᠠᠯᠭ᠎ᠠ ᠲᠠᠢ ᠪᠠᠰᠠ ᠵᠥᠷᠢᠶ᠎ᠡ ᠲᠠᠢ ᠪᠠᠶᠢᠭᠰᠠᠭᠠᠷ᠃ ᠲᠠᠪᠤ   ᠳᠤ᠂ ᠲᠤᠰᠬᠠᠢ ᠮᠡᠷᠭᠡᠵᠢᠯᠳᠠᠨ ᠴᠥᠭᠡᠨ᠂ ᠤᠨᠴᠠᠭᠠᠶᠢᠯᠠᠨ ︽ ᠰᠣᠷᠣᠯᠭ᠎ᠠ ᠶᠢᠨ ᠨᠠᠮᠳᠠᠷ ᠥᠨᠳᠤᠷ᠂ ᠭᠠᠷᠮᠠᠭᠠᠢ ᠮᠡᠷᠬᠡᠵᠢᠯ  ᠲᠠᠢ᠂ ᠲᠡᠷᠢᠬᠦᠨ ᠤ ᠰᠢᠨᠵᠢᠯᠡᠭᠡ ᠮᠡᠷᠭᠡᠵᠢᠯ︾ ᠤᠨ ᠴᠢᠳᠠᠪᠤᠷᠢᠳᠠᠨ ᠶᠡᠭᠡ ᠲᠤᠳᠠᠮᠠᠭ ᠪᠠᠶᠢᠭᠰᠠᠭᠠᠷ᠃ ᠵᠢᠷᠭᠤᠭ᠎ᠠ ᠳᠤ᠂ ᠵᠠᠰᠠᠭ ᠤᠨ ᠤᠷᠳᠤᠨ ᠤ ᠪᠠᠶᠢᠭᠤᠯᠭ᠎ᠠ ᠶᠢᠨ ᠠᠵᠢᠯᠳᠠᠨ ᠪᠠ ᠠᠵᠢᠯ ᠤᠨ ᠪᠠᠶᠢᠷᠢ ᠬᠠᠷᠢᠯᠴᠠᠨ ᠵᠤᠬᠢᠴᠠᠬᠤ᠂ ᠠᠵᠢᠯᠳᠠᠨ ᠪᠥᠬᠦᠨ ᠤ ᠥᠢᠯᠡᠳᠤᠯ ᠢ ᠬᠥᠢᠴᠡᠳ ᠪᠠᠳᠠᠷᠠᠭᠤᠯᠬᠤ ᠰᠠᠶᠢᠨ ᠰᠠᠶᠢᠬᠠᠨ ᠤᠷᠴᠢᠨ ᠢ ᠪᠥᠷᠢᠯᠳᠤᠭᠦᠯᠭᠦ ᠳᠤ ᠪᠠᠰᠠ ᠴᠢᠷᠮᠠᠶᠢᠬᠤ ᠴᠢᠬᠤᠯᠠᠳᠠᠢ ᠪᠠᠶᠢᠵᠤ᠂ ᠰᠢᠨ᠎ᠠ ᠮᠡᠳᠡᠯᠭᠡ᠂ ᠰᠢᠨ᠎ᠠ ᠲᠥᠷᠤ ᠶᠢᠨ ᠪᠤᠳᠣᠯᠭ᠎ᠠ ᠶᠢ ᠰᠣᠷᠣᠯᠴᠠᠵᠤ ᠬᠡᠷᠡᠭᠵᠢᠬᠦᠯᠬᠦ ᠲᠠᠯ᠎ᠠ ᠪᠠᠷ ᠴᠢᠩᠭᠠᠳᠬᠠᠬᠤ ᠬᠡᠷᠡᠭᠳᠠᠢ ᠪᠠᠶᠢᠭᠰᠠᠭᠠᠷ᠃ ᠡᠳᠡᠭᠡᠷ ᠠᠰᠠᠭᠤᠳᠠᠯ ᠢ ᠪᠢᠳᠠ ᠳᠡᠭᠡᠳᠤ ᠬᠡᠮᠵᠢᠶ᠎ᠡ ᠪᠠᠷ  ᠴᠢᠬᠤᠯᠠᠴᠢᠯᠠᠵᠤ᠂ ᠨᠠᠷᠢᠨ ᠨᠢᠮᠪᠠᠢ ᠰᠣᠳᠣᠯᠣᠨ᠂ ᠥᠨᠡᠨᠬᠦ ᠰᠢᠢᠳᠪᠤᠷᠢᠯᠡᠨ᠎ᠠ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号