| | ᠬᠤᠶᠠᠷ᠂ 2019 ᠣᠨ ᠤ ᠭᠤᠤᠯᠳᠠᠯᠭ᠎ᠠ ᠲᠠᠢ ᠠᠵᠢᠯ ᠤᠨ ᠲᠤᠬᠢᠷᠠᠭᠤᠯᠤᠯᠳᠠ | 2019ᠣᠨ ᠪᠣᠯ ᠰᠢᠨ᠎ᠠ ᠳᠣᠮᠳᠠᠳᠣ ᠣᠯᠣᠰ ᠪᠠᠶᠢᠭᠤᠯᠤᠭᠳᠠᠭᠰᠠᠨ 70 ᠵᠢᠯ ᠤᠨ ᠣᠢ᠂ ᠮᠥᠨᠴᠤ ᠴᠢᠨᠡᠭᠡᠯᠢᠭ | ᠨᠡᠶᠢᠬᠡᠮ ᠢ ᠪᠥᠬᠦ ᠲᠠᠯ᠎ᠠ ᠪᠠᠷ ᠪᠠᠶᠢᠭᠤᠯᠬᠤ ᠰᠢᠢᠳᠪᠤᠷᠢᠳᠤ ᠢᠯᠠᠯᠳᠠ ᠣᠯᠬᠤ ᠪᠠ ︽ᠠᠷᠪᠠᠨ ᠭᠤᠷᠪᠠᠳᠤᠭᠠᠷ ᠲᠠᠪᠤᠨ | ᠵᠢᠯ︾ ᠤᠨ ᠲᠥᠯᠥᠪᠵᠢᠬᠦᠯᠭᠡ ᠶᠢ ᠪᠡᠶᠡᠯᠡᠬᠦᠯᠬᠦ ᠵᠠᠩᠬᠢᠯᠠᠭ᠎ᠠ ᠶᠢᠨ ᠵᠢᠯ ᠮᠥᠨ᠂ ᠡᠨᠡ ᠵᠢᠯ ᠤᠨ ᠡᠯ᠎ᠡ ᠲᠥᠷᠤᠯ ᠤᠨ | ᠠᠵᠢᠯ ᠢ ᠰᠠᠶᠢᠲᠤᠷ ᠬᠢᠬᠦ ᠳᠤ ᠡᠭᠦᠷᠭᠡ ᠬᠥᠨᠳᠤ ᠮᠥᠷᠳᠡᠬᠡᠨ ᠭᠥᠨᠵᠡᠭᠡᠢ ᠠᠴᠢ ᠬᠤᠯᠪᠤᠭᠳᠠᠯ ᠲᠠᠢ ᠶᠤᠮ᠃ ᠵᠠᠰᠠᠭ ᠤᠨ | ᠤᠷᠳᠤᠨ ᠤ ᠠᠵᠢᠯ ᠤᠨ ᠶᠡᠷᠤᠩᠭᠡᠢ ᠰᠡᠳᠬᠢᠴᠡ ᠪᠣᠯ᠄ ᠰᠢ ᠶᠢᠨ ᠫᠢᠩ ᠤᠨ ᠰᠢᠨ᠎ᠠ ᠴᠠᠭ ᠥᠶ᠎ᠡ ᠶᠢᠨ ᠲᠤᠮᠳᠠᠳᠤ | ᠣᠯᠣᠰ ᠤᠨ ᠤᠨᠴᠠᠯᠢᠭ ᠲᠠᠢ ᠨᠡᠶᠢᠬᠡᠮ ᠵᠢᠷᠤᠮᠳᠤ ᠦᠵᠡᠯ ᠢᠶᠠᠷ ᠵᠢᠯᠤᠭᠤᠳᠤᠯᠭ᠎ᠠ ᠪᠣᠯᠭᠠᠨ᠂ ᠨᠠᠮ ᠤᠨ ᠠᠷᠪᠠᠨ | ᠶᠢᠰᠦᠳᠤᠭᠡᠷ ᠶᠡᠭᠡ ᠬᠤᠷᠠᠯ ᠪᠠ ᠠᠷᠪᠠ ᠶᠢᠰᠤᠳᠤᠭᠡᠷ ᠬᠤᠭᠤᠴᠠᠭᠠᠨ ᠤ ᠬᠤᠶᠠᠷ᠂ ᠭᠤᠷᠪᠠᠳᠤᠭᠠᠷ ᠪᠥᠬᠦᠳᠠ | ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠤᠩᠭᠡᠢ ᠱᠥᠵᠢ ᠥᠪᠤᠷ | ᠮᠤᠩᠭᠤᠯ ᠳᠤ ᠬᠢᠭᠰᠡᠨ ᠴᠢᠬᠤᠯᠠ ᠵᠢᠭᠠᠪᠤᠷᠢ ᠶᠢ ᠲᠤᠤᠱᠯᠠᠭᠤᠯᠵᠤ᠂ ᠲᠥᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ | ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠤᠷᠢᠳᠤ | ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠤᠩᠭᠡᠢ | ᠪᠠᠶᠢᠷᠢᠯᠠᠭᠤᠯᠤᠯᠳᠠ ᠶᠢ ᠨᠢᠭᠡᠳᠤᠯᠳᠠᠢ ᠲᠥᠯᠤᠪᠵᠢᠬᠦᠯᠤᠨ ᠠᠬᠢᠭᠤᠯᠵᠤ᠂ ︽ᠲᠥᠷᠪᠡᠨ ᠪᠥᠬᠦ ᠲᠠᠯ᠎ᠠ︾ ᠶᠢᠨ | ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠳᠠ ᠶᠢ ᠵᠤᠬᠢᠴᠠᠭᠤᠯᠤᠨ᠂ ᠲᠤᠭᠳᠠᠭᠤᠨ ᠤ ᠳᠤᠮᠳᠠ ᠣᠷᠣᠭᠰᠢᠯᠠᠨ | ᠳᠠᠪᠰᠢᠬᠤ ᠶᠡᠷᠤᠩᠭᠡᠢ ᠬᠦᠭ ᠠᠶᠠᠰ ᠢ ᠪᠠᠷᠢᠮᠳᠠᠯᠠᠵᠤ᠂ ᠰᠢᠨ᠎ᠠ ᠬᠥᠭᠵᠢᠯᠳᠠ ᠶᠢᠨ ᠥᠢᠯᠭᠠᠭᠳᠠᠬᠤᠨ ᠪᠠ ᠴᠢᠨᠠᠷᠯᠢᠭ | ᠬᠥᠭᠵᠢᠯᠳᠠ ᠶᠢ ᠠᠬᠢᠭᠤᠯᠬᠤ ᠪᠠ ᠬᠠᠩᠭᠠᠯᠭ᠎ᠠ ᠶᠢᠨ ᠲᠠᠯ᠎ᠠ ᠶᠢᠨ ᠪᠥᠳᠤᠴᠠ ᠶᠢᠨ ᠴᠢᠨᠠᠷᠳᠠᠢ ᠥᠭᠡᠷᠡᠴᠢᠯᠡᠯᠳᠠ ᠪᠠᠷ | ᠭᠤᠤᠯ ᠱᠣᠭᠤᠮ ᠪᠣᠯᠭᠠᠬᠤ ᠶᠢ ᠪᠠᠷᠢᠮᠳᠠᠯᠠᠵᠤ᠂ ︽ᠭᠤᠷᠪᠠᠨ ᠶᠡᠭᠡ ᠰᠢᠪᠳᠤᠯᠤᠯᠳᠠ︾ ᠶᠢ ᠥᠷᠭᠦᠯᠵᠢᠯᠡᠨ ᠰᠠᠶᠢᠳᠤᠷ | ᠬᠢᠵᠤ᠂ ᠲᠤᠭᠳᠠᠭᠤᠨ ᠢᠶᠠᠷ ᠨᠡᠮᠡᠭᠳᠡᠬᠦᠯᠬᠦ᠂ ᠥᠭᠡᠷᠡᠴᠢᠯᠡᠯᠳᠠ ᠶᠢ ᠠᠬᠢᠭᠤᠯᠬᠤ᠂ ᠪᠥᠳᠤᠴᠠ ᠶᠢ ᠲᠤᠬᠢᠷᠠᠭᠤᠯᠬᠤ᠂ | ᠠᠷᠠᠳ ᠲᠤ ᠠᠰᠢᠭᠳᠠᠢ᠂ ᠲᠥᠭᠰᠢᠬᠦᠷᠢ ᠶᠢ ᠰᠡᠷᠬᠡᠶᠢᠯᠡᠬᠦ ᠶᠢ ᠨᠢᠭᠡᠳᠤᠯᠳᠠᠢ ᠲᠥᠯᠤᠪᠵᠢᠬᠦᠯᠤᠨ ᠠᠬᠢᠭᠤᠯᠵᠤ᠂ ︽ | ᠵᠢᠷᠭᠤᠭᠠᠨ ᠲᠤᠭᠳᠠᠭᠤᠨ︾ ᠪᠠᠶᠢᠯᠭᠠᠬᠤ ᠠᠵᠢᠯ ᠢ ᠯᠠᠪᠳᠠᠭᠤᠨ ᠰᠠᠶᠢᠳᠤᠷ ᠬᠢᠵᠤ᠂ ᠠᠯᠠᠱᠠ ᠵᠡᠬᠦᠨ ᠬᠤᠰᠢᠭᠤᠨ ᠤ | ᠴᠢᠨᠠᠷᠯᠢᠭ ᠬᠥᠭᠵᠢᠯᠳᠠ ᠶᠢᠨ ᠰᠢᠨ᠎ᠠ ᠬᠠᠭᠤᠳᠠᠰᠤ ᠶᠢ ᠪᠢᠴᠢᠭᠯᠡᠵᠤ᠂ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ | ᠪᠡᠶᠡᠯᠡᠬᠦᠯᠬᠦ ᠳᠤ ᠰᠢᠢᠳᠪᠤᠷᠢᠳᠤ ᠥᠢᠯᠡᠳᠤᠯ ᠥᠵᠡᠬᠦᠯᠵᠤ᠂ ᠰᠢᠯᠢᠳᠡᠭ ᠬᠢᠷᠢ ᠪᠥᠳᠤᠮᠵᠢ ᠪᠠᠷ ᠢᠶᠠᠨ ᠪᠥᠭᠦᠳᠠ | ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠶ᠎ᠡ᠃ | ᠥᠨᠥ ᠵᠢᠯ ᠤᠨ ᠠᠵᠤ ᠠᠬᠤᠢ ᠨᠡᠶᠢᠬᠡᠮ ᠤᠨ ᠬᠥᠭᠵᠢᠯᠳᠠ ᠶᠢᠨ ᠲᠥᠰᠤᠪᠯᠡᠭᠰᠡᠨ ᠭᠤᠤᠯᠳᠠᠯᠭᠠᠳᠤ ᠬᠠᠷᠠᠯᠲᠠ ᠪᠣᠯ᠄ | ᠭᠠᠵᠠᠷ ᠤᠷᠤᠨ ᠤ ᠥᠢᠯᠡᠳᠪᠥᠷᠢᠯᠡᠯ ᠤᠨ ᠶᠡᠷᠤᠩᠭᠡᠢ ᠥᠷᠳᠡᠭ ᠢ 7.2% ᠢᠶᠠᠷ ᠨᠡᠮᠡᠭᠳᠡᠬᠦᠯᠵᠤ᠂ ᠡᠩ ᠤᠨ | ᠨᠡᠶᠢᠳᠠ ᠶᠢᠨ ᠡᠳ᠋ ᠤᠨ ᠵᠠᠰᠠᠭ ᠤᠨ ᠲᠥᠰᠥᠪ ᠤᠨ ᠤᠷᠤᠯᠭ᠎ᠠ ᠶᠢ 8.2% ᠤᠷᠴᠢᠮ ᠨᠡᠮᠡᠭᠳᠡᠭᠦᠯᠤᠨ᠎ᠠ︔ 500 | ᠲᠥᠮᠡᠨ ᠲᠥᠭᠦᠷᠢᠭ ᠠᠴᠠ ᠳᠡᠭᠡᠭᠰᠢᠬᠢ ᠳᠤᠭᠳᠠᠮᠠᠯ ᠬᠥᠷᠤᠩᠭᠡ ᠶᠢᠨ ᠪᠡᠯᠡ ᠤᠷᠤᠭᠤᠯᠤᠯᠳᠠ ᠶᠢ 10.2% ᠪᠠᠷ | ᠨᠡᠮᠡᠭᠳᠡᠬᠦᠯᠵᠤ᠂ ᠨᠡᠶᠢᠬᠡᠮ ᠤᠨ ᠭᠡᠷᠡᠭᠯᠡᠭᠡᠨ ᠤ ᠵᠥᠢᠯᠡᠰ ᠢ ᠵᠢᠵᠢᠭᠯᠡᠨ ᠪᠤᠷᠤᠯᠠᠭᠤᠯᠬᠤ ᠶᠡᠷᠤᠩᠭᠡᠢ ᠨᠣᠷᠮ᠎ᠠ ᠶᠢ 7 % | ᠪᠠᠷ᠂ ᠬᠤᠳᠠ ᠬᠥᠳᠡᠭᠡᠨ ᠤ ᠰᠠᠭᠤᠭᠠᠯᠢ ᠠᠷᠠᠳ ᠤᠨ ᠬᠥᠮᠤᠨ ᠪᠥᠷᠢ ᠳᠤ ᠳᠡᠭᠰᠢᠳᠭᠡᠭᠰᠡᠨ ᠡᠵᠡᠮᠳᠡᠵᠤ ᠪᠣᠯᠬᠤ | ᠤᠷᠤᠯᠭ᠎ᠠ ᠶᠢ ᠲᠤᠰᠪᠤᠷᠢ 7% ᠪᠠ 8% ᠪᠠᠷ ᠨᠡᠮᠡᠭᠳᠡᠬᠦᠯᠵᠤ᠂ ᠡᠯ᠎ᠡ ᠵᠥᠢᠯ ᠤᠨ ᠬᠢᠵᠠᠭᠠᠷᠯᠠᠯ ᠤᠨ ᠴᠢᠨᠠᠷᠳᠠᠢ | ᠬᠥᠢᠴᠡᠳᠭᠡᠯ ᠲᠤᠭ᠎ᠠ ᠶᠢ ᠳᠡᠭᠡᠳᠦ ᠱᠠᠳᠤᠨ ᠠᠴᠠ ᠱᠠᠭᠠᠷᠳᠠᠭᠰᠠᠨ ᠨᠤᠷᠮ᠎ᠠ ᠶᠢᠨ ᠲᠤᠭ᠎ᠠ ᠲᠤᠳᠤᠷ᠎ᠠ ᠬᠢᠵᠠᠭᠠᠷᠯᠠᠨ᠎ᠠ᠃ | ᠡᠨᠡᠬᠦ ᠬᠤᠷᠢᠭ᠎ᠠ ᠱᠣᠭᠤᠮ ᠤᠨ ᠰᠠᠭᠤᠷᠢᠨ ᠳᠡᠭᠡᠷ᠎ᠡ ᠪᠢᠳᠠ ᠥᠪᠡᠷ ᠤᠨ ᠪᠡᠶ᠎ᠡ ᠳᠡᠭᠡᠨ ᠳᠠᠷᠣᠯᠳᠠ ᠥᠭᠴᠤ᠂ ᠪᠠᠰᠠ | ᠳᠡᠭᠡᠷ᠎ᠡ ᠨᠢ 2 ᠵᠠᠭᠤᠨ ᠤ ᠬᠤᠪᠢ ᠶᠢ ᠨᠡᠮᠡᠭᠳᠡᠬᠦᠯᠬᠦ ᠪᠠᠷ ᠴᠢᠷᠮᠠᠶᠢᠨ᠎ᠠ᠃ ᠡᠨᠡ ᠨᠢ ᠮᠥᠨᠴᠤ ᠪᠥᠬᠦ ᠬᠤᠰᠢᠭᠤ | ᠪᠠᠷ ᠢᠶᠠᠨ ᠪᠡᠶᠡᠯᠡᠬᠦᠯᠬᠦ ᠪᠠᠷ ᠴᠢᠷᠮᠠᠶᠢᠬᠤ ᠬᠠᠷᠠᠯᠳᠠᠳᠤ ᠡᠭᠦᠷᠭᠡ ᠮᠥᠨ᠃ | ᠳᠡᠭᠡᠷᠡᠬᠢ ᠬᠠᠷᠠᠯᠲᠠ ᠪᠠ ᠱᠠᠭᠠᠷᠳᠠᠯᠭ᠎ᠠ ᠪᠠᠨ ᠪᠡᠶᠡᠯᠡᠬᠦᠯᠬᠦ ᠶᠢᠨ ᠲᠣᠰᠠᠳᠠ᠂ ᠡᠨᠡ ᠵᠢᠯ ᠳᠤ ᠳᠠᠷᠠᠭᠠᠬᠢ ᠶᠢᠰᠤᠨ | ᠲᠠᠯ᠎ᠠ ᠶᠢᠨ ᠠᠵᠢᠯ ᠢ ᠭᠤᠤᠯᠯᠠᠨ ᠠᠳᠬᠤᠨ᠎ᠠ᠄ | ︵ᠨᠢᠭᠡ︶ ︽ ᠭᠤᠷᠪᠠᠨ ᠶᠡᠭᠡ︾ ᠰᠢᠪᠳᠤᠯᠤᠯᠳᠠ ᠶᠢ ᠰᠠᠶᠢᠳᠤᠷ ᠬᠢᠵᠤ᠂ ᠴᠢᠨᠡᠭᠡᠯᠢᠭ ᠨᠡᠶᠢᠬᠡᠮ ᠢ ᠪᠥᠬᠦ ᠲᠠᠯ᠎ᠠ ᠪᠠᠷ | ᠪᠡᠶᠡᠯᠡᠬᠦᠯᠬᠦ ᠶᠢ ᠠᠬᠢᠭᠤᠯᠤᠨ ᠰᠢᠨ᠎ᠡ ᠢᠯᠠᠯᠳᠠ ᠶᠢ ᠤᠯᠤᠨ᠎ᠠ᠃ | ᠬᠥᠨᠳᠤ ᠶᠡᠭᠡ ᠠᠶᠤᠯ ᠲᠥᠭᠰᠢᠬᠦᠷᠢ ᠶᠢ ᠰᠡᠷᠭᠡᠶᠢᠯᠡᠨ ᠨᠠᠮᠳᠠᠭᠠᠬᠤ ᠰᠢᠪᠳᠣᠯᠣᠯᠳᠠ ᠶᠢ ᠡᠷᠡᠰ ᠪᠡᠶᠡᠯᠡᠬᠦᠯᠤᠨ᠎ᠠ᠃ | ᠵᠠᠰᠠᠭ ᠤᠨ ᠤᠷᠳᠤᠨ ᠤ ᠵᠢᠭᠡᠯᠡᠯᠭᠡ ᠠᠪᠴᠤ ᠪᠡᠯᠡ ᠤᠷᠤᠭᠤᠯᠬᠤ᠂ ᠥᠢᠯᠡᠴᠢᠯᠡᠭᠡ ᠬᠤᠳᠠᠯᠳᠤᠨ ᠠᠪᠬᠤ | ᠠᠵᠢᠯᠯᠠᠭ᠎ᠠ ᠶᠢ ᠤᠯᠠᠮ ᠨᠢᠭᠡ ᠠᠯᠬᠤᠮ ᠲᠥᠷᠢᠮᠵᠢᠬᠦᠯᠤᠨᠠ᠃ ᠠᠷᠪᠢᠯᠠᠨ ᠭᠠᠮᠨᠠᠵᠤ᠂ ︽ᠲᠥᠰᠥᠪ ᠤᠨ ᠬᠠᠤᠯᠢ︾ ᠶᠢ | ᠴᠢᠩᠭ᠎ᠠ ᠬᠡᠷᠡᠭᠵᠢᠬᠦᠯᠤᠨ᠂ ᠵᠠᠰᠠᠭ ᠤᠨ ᠤᠷᠳᠤᠨ ᠤ ᠪᠡᠯᠡ ᠤᠷᠤᠭᠤᠯᠬᠤ ᠲᠥᠷᠤᠯ ᠵᠥᠢᠯ ᠢ ᠬᠢᠨᠠᠨ ᠬᠠᠷᠭᠤᠭᠤᠯᠵᠤ | ᠵᠥᠪᠰᠢᠶᠡᠷᠡᠯ ᠤᠯᠭᠤᠬᠤ ᠶᠢ ᠳᠥᠷᠢᠮᠵᠢᠬᠦᠯᠤᠨ᠂ ᠰᠤᠬᠤᠷ ᠪᠠᠯᠠᠢ ᠪᠠᠷ ︽ᠲᠥᠷᠤᠯ ᠵᠥᠢᠯ ᠲᠥᠰᠤᠪᠯᠡᠵᠤ᠂ ᠪᠥᠳᠤᠭᠡᠨ | ᠪᠠᠶᠢᠭᠤᠯᠤᠯᠳᠠ ᠬᠢᠬᠦ︾ ᠶᠢ ᠡᠷᠡᠰ ᠬᠤᠷᠢᠭᠯᠠᠨ᠎ᠠ᠃ ᠠᠵᠤ ᠠᠬᠤᠢ ᠶᠢᠨ ᠬᠥᠭᠵᠢᠯᠳᠠ ᠶᠢ ᠲᠥᠷᠭᠡᠳᠭᠡᠬᠦ᠂ ᠰᠢᠨ᠎ᠠ ᠪᠠᠷ | ᠨᠡᠮᠡᠭᠳᠡᠭᠰᠡᠨ ᠠᠪᠴᠠᠭᠠᠨ ᠤ ᠡᠷᠬᠡ᠂ ᠪᠡᠯᠡ ᠮᠥᠩᠬᠦ ᠡᠳ᠋ ᠬᠥᠷᠥᠩᠭᠡ ᠶᠢ ᠠᠮᠢᠵᠢᠷᠠᠭᠤᠯᠬᠤ᠂ ᠪᠡᠯᠡ ᠤᠷᠤᠭᠤᠯᠤᠯᠳᠠ | ᠶᠢ ᠲᠤᠬᠢᠷᠠᠭᠤᠯᠤᠨ ᠪᠠᠭᠠᠰᠬᠠᠬᠤ᠂ ᠥᠷᠢᠳᠤᠭ᠍ᠰᠡᠨ ᠭᠠᠶᠢᠯᠢ ᠪᠠᠨ ᠲᠤᠰᠢᠶᠠᠬᠤ ᠵᠡᠷᠭᠡ ᠥᠷᠢ ᠥᠭᠴᠡᠭᠡ ᠶᠢ ᠨᠠᠮᠳᠠᠭᠠᠬᠤ | ᠤᠯᠠᠨ ᠠᠷᠭ᠎ᠠ ᠪᠠᠷᠢᠯ ᠢ ᠰᠠᠶᠢᠲᠤᠷ ᠬᠡᠷᠡᠭᠵᠢᠬᠦᠯᠵᠤ᠂ ᠵᠠᠰᠠᠭ ᠤᠨ ᠤᠷᠳᠤᠨ ᠤ ᠥᠷᠢ ᠥᠭᠴᠡᠭᠡᠨ ᠤ ᠨᠤᠷᠮ᠎ᠠ ᠶᠢ | ᠳᠠᠬᠢᠨᠳᠠ 30% ᠤᠷᠴᠢᠮ ᠢᠶᠠᠷ ᠪᠠᠭᠠᠰᠬᠠᠨ᠂ ︽ ᠠᠷᠪᠠ ᠶᠢ ᠪᠥᠷᠬᠦᠬᠦᠯᠬᠦ︾ ᠲᠥᠷᠤᠯ ᠵᠥᠢᠯ ᠠᠴᠠ ᠭᠠᠳᠠᠨᠠᠬᠢ | ᠢᠨᠵᠧᠨᠧᠷᠢᠩ ᠤᠨ ᠥᠷᠢ ᠥᠭᠴᠡᠭᠡ ᠶᠢ ᠪᠥᠬᠦᠨ ᠢ ᠨᠢ ᠲᠥᠯᠣᠨᠠ᠃ ᠬᠠᠤᠯᠢ ᠪᠤᠰᠤ ᠪᠠᠷ ᠪᠡᠯᠡ ᠮᠥᠩᠬᠦ | ᠬᠤᠷᠠᠮᠳᠤᠭᠤᠯᠬᠤ᠂ ᠮᠥᠩᠬᠦᠨ ᠬᠥᠢᠯᠭᠡᠭᠡᠨ ᠤ ᠮᠡᠭᠡᠯᠡᠯ ᠵᠡᠷᠭᠡ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠤ᠂ | ᠠᠷᠠᠳ ᠤᠨ ᠳᠤᠮᠳᠠᠬᠢ ᠵᠢᠭᠡᠯᠡᠯᠭᠡ ᠪᠠ ᠪᠡᠯᠡ ᠮᠥᠩᠬᠦᠨ ᠤ ᠬᠤᠷᠠᠮᠳᠤᠭᠤᠯᠭ᠎ᠠ ᠶᠢ ᠳᠥᠷᠢᠮᠵᠢᠬᠦᠯᠵᠤ᠂ ᠭᠤᠤᠯᠳᠠᠯᠭᠠᠳᠤ | ᠠᠵᠤ ᠠᠬᠤᠶᠢᠯᠠᠯ᠂ ᠭᠤᠤᠯᠳᠠᠯᠭᠠᠳᠣ ᠬᠥᠷᠢᠶ᠎ᠡ ᠴᠠᠷ᠎ᠠ ᠶᠢᠨ ᠡᠷᠡᠬᠦᠯ ᠪᠤᠰᠣ ᠵᠢᠬᠡᠯᠡᠯᠭᠡ ᠶᠢ ᠰᠢᠢᠳᠪᠤᠷᠢᠯᠡᠬᠦ ᠶᠢ | ᠠᠬᠢᠭᠤᠯᠵᠤ᠂ ᠭᠠᠵᠠᠷ ᠤᠷᠤᠨ ᠤ ᠮᠥᠩᠬᠦᠨ ᠬᠥᠢᠯᠭᠡᠭᠡᠨ ᠤ ᠪᠠᠶᠢᠭᠤᠯᠤᠮᠵᠢ ᠶᠢᠨ ᠡᠷᠡᠬᠦᠯ ᠪᠤᠰᠤ ᠵᠢᠭᠡᠯᠡᠯᠭᠡ ᠶᠢᠨ | ᠨᠤᠷᠮ᠎ᠠ ᠶᠢ 10% ᠠᠴᠠ ᠲᠤᠷᠤᠭᠰᠢ ᠬᠢᠵᠠᠭᠠᠷᠯᠠᠵᠤ᠂ ᠰᠢᠰᠲ᠋ᠧᠮᠳᠤ ᠴᠢᠨᠠᠷᠲᠠᠢ᠂ ᠤᠷᠤᠨ ᠪᠥᠰᠡ ᠶᠢᠨ ᠴᠢᠨᠠᠷᠳᠠᠢ | ᠮᠥᠩᠬᠦᠨ ᠬᠥᠢᠯᠭᠡᠭᠡᠨ ᠤ ᠲᠦᠭᠰᠢᠬᠦᠷᠢᠳᠤ ᠭᠡᠷᠡᠭ ᠡᠬᠦᠰᠬᠦ ᠥᠭᠡᠢ ᠪᠠᠶᠢᠬᠤ ᠶᠢᠨ ᠬᠤᠷᠢᠭ᠎ᠠ ᠱᠣᠭᠤᠮ ᠢ ᠴᠢᠩᠭ᠎ᠠ | ᠰᠠᠬᠢᠨ᠎ᠠ᠃ | ᠣᠨᠣᠪᠴᠢᠳᠠᠢ ᠪᠠᠷ ᠶᠠᠳᠠᠭᠤ ᠠᠴᠠ ᠠᠩᠬᠢᠵᠢᠷᠠᠭᠤᠯᠬᠤ ᠰᠢᠪᠳᠣᠯᠣᠯᠳᠠ ᠶᠢ ᠡᠷᠡᠰ ᠪᠡᠶᠡᠯᠡᠬᠦᠯᠣᠨ᠎ᠠ᠃ ᠶᠠᠳᠠᠭᠤ ᠠᠴᠠ | ᠠᠩᠬᠢᠵᠢᠷᠠᠭᠤᠯᠬᠤ ᠰᠢᠪᠳᠤᠯᠤᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠡᠷᠡᠭᠵᠢᠬᠦᠯᠬᠦ ᠰᠠᠨᠠᠯ ᠢ ᠬᠢᠨᠠᠮᠠᠭᠠᠢ | ᠨᠠᠶᠢᠳᠠᠪᠤᠷᠢᠵᠢᠭᠤᠯᠵᠤ᠂ ᠺᠠᠷᠲ ᠪᠠᠶᠢᠭᠤᠯᠵᠤ ᠳᠠᠩᠰᠠᠯᠠᠭᠰᠠᠨ ᠬᠥᠳᠡᠯᠤᠩᠬᠦᠢ ᠬᠠᠮᠢᠶᠠᠷᠤᠯᠳᠠ ᠶᠢᠨ ᠠᠵᠢᠯ ᠢ | ᠥᠷᠬᠦᠯᠵᠢᠯᠡᠨ ᠰᠠᠶᠢᠳᠤᠷ ᠬᠢᠵᠤ᠂ ᠺᠠᠷᠲ ᠪᠠᠶᠢᠭᠤᠯᠵᠤ ᠳᠠᠩᠰᠠᠯᠠᠭᠳᠠᠭᠰᠠᠨ 2607 ᠡᠷᠤᠬᠡ 6402 ᠬᠥᠮᠤᠨ ᠤ | ᠲᠤᠭᠤᠷᠢᠨ ᠳᠤ ᠥᠷᠬᠦᠯᠵᠢᠯᠡᠨ ᠬᠥᠴᠤᠯᠡᠵᠤ᠂ ᠲᠥᠷᠤ ᠶᠢᠨ ᠪᠣᠳᠣᠯᠭ᠎ᠠ ᠶᠢ ᠶᠡᠷᠦᠩᠬᠡᠶᠢᠯᠡᠨ ᠭᠡᠷᠡᠭᠵᠢᠬᠦᠯᠤᠨ᠎ᠠ᠃ ᠠᠵᠤ | ᠥᠢᠯᠡᠰ ᠢᠶᠠᠷ ᠶᠠᠳᠠᠭᠤ ᠶᠢ ᠳᠡᠳᠭᠦᠬᠦ ᠶᠢ᠂ ᠲᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ᠂ ᠲᠤᠭᠳᠠᠭᠤᠨ ᠢᠶᠠᠷ | ᠤᠷᠤᠯᠭ᠎ᠠ ᠨᠡᠮᠡᠭᠳᠡᠬᠦᠯᠬᠦ ᠴᠢᠬᠤᠯᠠ ᠠᠷᠭ᠎ᠠ ᠪᠠᠷᠢᠯ ᠪᠣᠯᠭᠠᠨ᠂ ᠡᠷᠡᠬᠦᠯᠵᠢᠯ ᠢᠶᠠᠷ ᠶᠠᠳᠠᠭᠤ ᠶᠢ ᠳᠡᠳᠬᠦᠬᠦ᠂ ᠰᠤᠷᠭᠠᠨ | ᠬᠥᠮᠤᠵᠢᠯ ᠢᠶᠠᠷ ᠶᠠᠳᠠᠭᠤ ᠶᠢ ᠳᠡᠳᠬᠦᠬᠦ᠂ ᠮᠥᠩᠬᠦᠨ ᠬᠥᠢᠯᠭᠡᠭᠡ ᠪᠠᠷ ᠶᠠᠳᠠᠭᠤ ᠶᠢ ᠳᠡᠳᠬᠦᠬᠦ᠂ ᠭᠡᠷᠡᠯ ᠴᠠᠬᠢᠯᠭᠠᠨ ᠢᠶᠠᠷ | ᠶᠠᠳᠠᠭᠤ ᠶᠢ ᠳᠡᠳᠬᠦᠬᠦ ᠵᠡᠷᠭᠡ ᠠᠷᠭ᠎ᠠ ᠠᠪᠴᠠᠯ ᠢ ᠤᠨᠤᠪᠴᠢᠲᠠᠢ ᠨᠠᠶᠢᠳᠠᠪᠤᠷᠢᠵᠢᠭᠤᠯᠵᠤ᠂ ᠶᠠᠳᠠᠭᠤ ᠶᠢ ᠳᠡᠳᠬᠦᠬᠦ | ᠠᠵᠢᠯ ᠢ ᠬᠥᠳᠡᠭᠡ ᠲᠤᠰᠬᠤᠨ ᠢ ᠬᠥᠭᠵᠢᠬᠦᠯᠤᠨ ᠮᠠᠨᠳᠤᠭᠤᠯᠬᠤ ᠠᠷᠭ᠎ᠠ ᠪᠣᠳᠣᠯᠭ᠎ᠠ ᠪᠠ ᠨᠡᠶᠢᠬᠡᠮ ᠤᠨ ᠪᠠᠳᠣᠯᠠᠭᠠᠨ ᠤ | ᠲᠥᠷᠢᠮ ᠲᠠᠢ ᠬᠥᠨᠵᠡᠭᠡᠢ ᠣᠶᠠᠯᠳᠣᠭᠤᠯᠣᠨ᠎ᠠ᠃ ᠶᠠᠳᠠᠭᠤ ᠶᠢ ᠳᠡᠳᠬᠦᠬᠦ ᠪᠡᠯᠡ ᠮᠥᠩᠭᠦ ᠡᠳ᠋ ᠬᠥᠷᠤᠩᠭᠡ ᠶᠢᠨ | ᠬᠠᠮᠢᠶᠠᠷᠤᠯᠳᠠ ᠪᠠ ᠶᠠᠳᠠᠭᠤ ᠠᠴᠠ ᠠᠩᠬᠢᠵᠢᠷᠠᠭᠤᠯᠬᠤ ᠲᠥᠷᠤᠯ ᠵᠥᠢᠯ ᠤᠨ ᠬᠥᠮᠤᠷᠭᠡᠨ ᠤ ᠪᠠᠶᠢᠭᠤᠯᠤᠯᠳᠠ ᠶᠢ | ᠴᠢᠩᠭᠠᠳᠬᠠᠵᠤ᠂ ᠤᠯᠤᠰ ᠤᠨ ᠥᠮᠴᠢᠯᠡᠯᠳᠣ ᠶᠠᠳᠠᠭᠤ ᠶᠢ ᠳᠡᠳᠬᠦᠬᠦ ᠺᠤᠮᠫᠠᠨᠢ᠂ ᠲᠤᠯᠤᠭᠠᠶᠢᠯᠠᠭᠴᠢ ᠠᠵᠤ ᠠᠬᠤᠶᠢᠯᠠᠯ᠂ | ᠬᠤᠷᠰᠢᠶᠠᠵᠢᠯ ᠤᠨ ᠵᠤᠬᠢᠶᠠᠨ ᠪᠠᠶᠢᠭᠤᠯᠤᠯᠳᠠ ᠵᠡᠷᠭᠡ ᠨᠢ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠳᠤ | ᠤᠳᠤᠷᠢᠳᠤᠨ ᠳᠠᠭᠠᠭᠤᠯᠬᠤ ᠥᠢᠯᠡᠳᠣᠯ ᠪᠠᠳᠠᠷᠠᠭᠤᠯᠬᠤ ᠶᠢ ᠵᠢᠯᠤᠭᠤᠳᠴᠤ᠂ ᠶᠠᠳᠠᠭᠤ ᠠᠴᠠ ᠠᠩᠬᠢᠵᠢᠷᠠᠭᠤᠯᠬᠤ | ᠰᠢᠪᠳᠤᠯᠤᠯᠳᠠ ᠶᠢᠨ ᠤᠷᠳᠤ ᠬᠤᠭᠤᠴᠠᠭᠠᠳᠤ ᠳᠤᠭᠳᠠᠯᠴᠠᠭ᠎ᠠ ᠶᠢ ᠪᠠᠶᠢᠭᠤᠯᠵᠤ᠂ ᠶᠠᠳᠠᠭᠤ ᠠᠴᠠ ᠠᠩᠬᠢᠵᠢᠷᠠᠭᠤᠯᠤᠭᠰᠠᠨ | ᠥᠷ᠎ᠡ ᠪᠤᠲᠤᠮᠵᠢ ᠪᠠᠨ ᠥᠷᠬᠦᠯᠵᠢᠯᠡᠨ ᠪᠠᠬᠢᠵᠢᠬᠦᠯᠤᠨ ᠳᠡᠭᠡᠭᠰᠢᠯᠡᠬᠦᠯᠵᠣ᠂ ᠮᠠᠯᠵᠢᠬᠤ ᠲᠠᠷᠢᠶᠠᠯᠠᠬᠤ ᠤᠷᠤᠨ ᠤ ᠶᠠᠳᠠᠭᠤ | ᠬᠥᠴᠢᠷᠳᠡᠯᠳᠠᠢ ᠬᠥᠮᠤᠨ ᠠᠮᠠ ᠪᠠ ᠪᠥᠬᠦ ᠬᠤᠰᠢᠭᠤᠨ ᠤ ᠠᠷᠠᠳ ᠲᠥᠮᠡᠨ ᠬᠠᠮᠳᠤᠪᠠᠷ ᠴᠢᠨᠡᠭᠡᠯᠢᠭ ᠨᠡᠶᠢᠭᠡᠮ ᠳᠤ | ᠠᠯᠬᠤᠨ ᠣᠷᠣᠬᠤ ᠶᠢ ᠪᠠᠳᠤᠯᠠᠨ᠎ᠠ᠃ | ᠪᠤᠬᠢᠷᠳᠤᠯ ᠢ ᠰᠡᠷᠭᠡᠶᠢᠯᠡᠨ ᠵᠠᠰᠠᠬᠤ ᠰᠢᠪᠳᠤᠯᠤᠯᠳᠠ ᠶᠢ ᠡᠷᠡᠰ ᠪᠡᠶᠡᠯᠡᠬᠦᠯᠣᠨ᠎ᠠ᠃ ᠪᠤᠬᠢᠷᠳᠤᠯ ᠢ ᠰᠡᠷᠭᠡᠶᠢᠯᠡᠨ ᠵᠠᠰᠠᠬᠤ | ᠰᠢᠪᠳᠤᠯᠤᠯᠳᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠡᠷᠡᠭᠵᠢᠬᠦᠯᠬᠦ ᠲᠥᠰᠤᠯ ᠢ ᠴᠢᠩᠭ᠎ᠠ ᠨᠠᠶᠢᠳᠠᠪᠤᠷᠢᠵᠢᠭᠤᠯᠤᠨ᠎ᠠ | ᠃ ᠪᠤᠬᠢᠷᠳᠤᠯ ᠥᠭᠡᠢ ᠠᠭᠤᠷᠬᠠᠢ ᠶᠢᠨ ᠪᠠᠶᠢᠭᠤᠯᠤᠯᠳᠠ ᠶᠢ ᠬᠥᠨᠵᠡᠭᠡᠢ ᠥᠷᠨᠢᠬᠦᠯᠵᠤ᠂ ᠣᠨᠣᠪᠴᠢᠳᠠᠢ ᠪᠠᠷ ᠬᠢᠨᠠᠨ | ᠬᠠᠮᠢᠶᠠᠷᠬᠤ ᠲᠤᠭᠳᠠᠯᠴᠠᠭ᠎ᠠ ᠶᠢ ᠤᠯᠠᠮ ᠨᠢᠭᠡ ᠠᠯᠬᠤᠮ ᠳᠡᠭᠦᠯᠳᠡᠷᠵᠢᠬᠦᠯᠤᠨ᠂ ᠬᠠᠷᠢᠭᠤᠴᠠᠯᠭ᠎ᠠ ᠶᠢᠨ ᠨᠠᠷᠢᠨ | ᠵᠢᠭᠰᠠᠭᠠᠯᠳᠠ ᠶᠢ ᠲᠤᠭᠲᠠᠭᠠᠵᠤ᠂ 4 ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠤ ᠠᠭᠤᠷᠬᠠᠢ ᠶᠢᠨ ᠠᠵᠤ | ᠥᠢᠯᠡᠰ ᠤᠨ ᠡᠷᠬᠡ ᠶᠢ ᠬᠥᠴᠤᠨ ᠥᠭᠡᠢ ᠪᠣᠯᠭᠠᠬᠤ ᠪᠠ 6 ᠭᠤᠤᠯᠳᠠᠯᠭᠠᠳᠤ ᠤᠷᠤᠨ ᠤ ᠣᠷᠴᠢᠨ ᠳᠤᠭᠤᠷᠢᠨ ᠤ | ᠰᠡᠷᠭᠦᠭᠡᠨ ᠵᠠᠰᠠᠯᠲᠠ ᠶᠢ ᠥᠷᠬᠦᠯᠵᠢᠯᠡᠨ ᠠᠬᠢᠭᠤᠯᠤᠨ᠎ᠠ᠃ ᠲᠥᠪ ᠬᠤᠷᠢᠶᠠᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠱᠠᠭᠠᠷᠳᠠᠨ ᠪᠠᠶᠢᠴᠠᠭᠠᠬᠤ ᠳᠤᠭᠤᠶᠢᠯᠠᠩ ᠤᠨ ︽ᠡᠷᠬᠢᠵᠤ ᠪᠠᠶᠢᠴᠠᠭᠠᠬᠤ︾ ᠳᠤ ᠢᠯᠡᠷᠡᠬᠦᠯᠤᠭ᠍ᠰᠡᠨ | ᠨᠡᠶᠢᠳᠡᠯᠢᠭ ᠴᠢᠨᠠᠷ ᠲᠠᠢ ᠠᠰᠠᠭᠤᠳᠠᠯ ᠢ ᠵᠠᠯᠠᠷᠠᠭᠤᠯᠬᠤ ᠲᠤᠬᠠᠢ ᠰᠠᠶᠢᠲᠤᠷ ᠠᠳᠬᠤᠨ᠎ᠠ᠃ ᠪᠤᠬᠢᠷᠳᠤᠯ ᠤᠨ ᠡᠬᠢ ᠶᠢ | ᠴᠡᠭᠴᠡᠯᠡᠵᠤ ᠪᠠᠷᠢᠮᠵᠢᠶ᠎ᠠ ᠳᠤ ᠬᠥᠷᠭᠡᠵᠤ ᠭᠠᠳᠠᠭᠰᠢᠯᠠᠭᠤᠯᠬᠤ ᠲᠥᠯᠤᠪᠯᠡᠭᠡ ᠶᠢ ᠪᠥᠬᠦ ᠲᠠᠯ᠎ᠠ ᠪᠠᠷ ᠬᠡᠷᠡᠭᠵᠢᠬᠦᠯᠵᠤ᠂ | ᠲᠠᠷᠬᠠᠢ ᠪᠤᠳᠠᠷᠬᠠᠢ᠂ ᠡᠮᠬᠢ ᠵᠠᠮᠪᠠᠷᠠᠭ᠎ᠠ ᠥᠭᠡᠢ ᠪᠤᠬᠢᠷᠳᠤᠯ ᠲᠠᠢ ᠠᠵᠤ ᠠᠬᠤᠶᠢᠯᠠᠯ᠂ ᠬᠤᠭᠤᠯᠠᠨ ᠭᠡᠷ ᠤᠨ | ᠬᠡᠩᠰᠢᠬᠦᠤ ᠶᠢ ᠶᠡᠷᠤᠩᠬᠡᠶᠢᠯᠡᠨ ᠴᠡᠭᠴᠡᠯᠡᠬᠦ ᠠᠵᠢᠯᠯᠠᠭ᠎ᠠ᠂ ᠬᠠᠯᠠᠭᠤᠨ ᠺᠤᠮᠫᠠᠨᠢ ᠶᠢᠨ ᠢᠯᠴᠢ ᠴᠠᠬᠢᠯᠭᠠᠨ ᠤ | ᠥᠢᠯᠡᠳᠪᠤᠷᠢ ᠶᠢᠨ ᠬᠡᠳᠤ ᠳᠤᠤᠷ᠎ᠠ ᠭᠠᠳᠠᠭᠰᠢᠯᠠᠭᠤᠯᠤᠯᠳᠠ ᠶᠢ ᠠᠬᠢᠭᠤᠯᠵᠤ᠂ ᠥᠳᠤᠷᠮᠠ᠂ ᠪᠠᠷᠢᠯᠭ᠎ᠠ ᠶᠢᠨ ᠭᠠᠵᠠᠷ᠂ | ᠲᠡᠷᠭᠡ ᠤᠨᠤᠭᠠᠨ ᠤ ᠲᠤᠭᠤᠰᠤ ᠰᠢᠷᠤᠢ ᠳᠡᠭᠳᠡᠬᠦ ᠶᠢ ᠴᠡᠭᠴᠡᠯᠡᠨ ᠵᠠᠰᠠᠬᠤ ᠠᠵᠢᠯ ᠤᠨ ᠬᠥᠴᠤᠯᠡᠴᠨ ᠪᠠᠨ ᠶᠡᠬᠡᠰᠬᠡᠨ᠂ | ᠠᠭᠠᠷ ᠤᠨ ᠴᠢᠨᠠᠷ ᠴᠢᠨᠰᠠᠭ᠎ᠠ ᠶᠢ ᠥᠷᠬᠦᠯᠵᠢᠯᠡᠨ ᠰᠠᠶᠢᠵᠢᠷᠠᠭᠤᠯᠬᠤ ᠶᠢ ᠪᠠᠳᠤᠯᠠᠨ᠎ᠠ᠃ ᠵᠢᠷᠠᠳᠠᠢ ᠶᠢᠨ ᠪᠤᠬᠢᠷ ᠤᠰᠤ ᠶᠢ | ᠰᠢᠢᠳᠪᠤᠷᠢᠯᠡᠬᠦ ᠥᠢᠯᠡᠳᠪᠤᠷᠢ ᠶᠢᠨ ᠪᠥᠳᠤᠭᠡᠨ ᠪᠠᠶᠢᠭᠤᠯᠤᠯᠳᠠ ᠶᠢ ᠲᠥᠷᠭᠡᠳᠭᠡᠵᠤ᠂ ᠤᠤᠭᠤᠬᠤ ᠤᠰᠤᠨ ᠤ ᠡᠬᠢ | ᠰᠣᠷᠪᠤᠯᠵᠢ ᠶᠢᠨ ᠬᠠᠮᠠᠭᠠᠯᠠᠯᠳᠠ ᠪᠠ ᠤᠰᠤᠨ ᠤ ᠴᠢᠨᠠᠷ ᠰᠢᠯᠭᠠᠬᠤ ᠠᠵᠢᠯ ᠢ ᠴᠢᠩᠭᠠᠳᠬᠠᠵᠤ᠂ ᠤᠤᠭᠤᠬᠤ ᠤᠰᠤᠨ ᠤ | ᠠᠮᠤᠷ ᠲᠥᠪᠰᠢᠨ ᠢ ᠪᠠᠳᠤᠯᠠᠨ᠎ᠠ᠃ | ︵ᠬᠤᠶᠠᠷ︶ ᠬᠥᠳᠡᠭᠡ ᠲᠤᠰᠬᠤᠨ ᠢ ᠭᠥᠭᠵᠢᠬᠦᠯᠤᠨ ᠮᠠᠨᠳᠤᠭᠤᠯᠬᠤ ᠲᠥᠷᠤ ᠶᠢᠨ ᠪᠣᠳᠣᠯᠭ᠎ᠠ ᠶᠢ ᠥᠷᠬᠦᠯᠵᠢᠯᠡᠨ | ᠠᠬᠢᠭᠤᠯᠵᠤ᠂ ︽ᠮᠠᠯᠴᠢᠨ ᠲᠠᠷᠢᠶᠠᠴᠢᠨ᠂ ᠮᠠᠯᠵᠢᠯ ᠲᠠᠷᠢᠶᠠᠯᠠᠩ᠂ ᠮᠠᠯᠵᠢᠬᠤ ᠲᠠᠷᠢᠶᠠᠯᠠᠬᠤ ᠣᠷᠣᠨ︾ ᠢ ᠬᠥᠭᠵᠢᠬᠦᠯᠬᠦ | ᠲᠠᠯ᠎ᠠ ᠪᠠᠷ ᠰᠢᠨ᠎ᠠ ᠠᠬᠢᠴᠠ ᠲᠠᠢ ᠪᠤᠯᠭᠠᠨ᠎ᠠ᠃ | ᠤᠳᠤᠬᠢᠴᠢᠯᠠᠭᠰᠠᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠳᠠ ᠶᠢ ᠲᠥᠯᠬᠢᠨ ᠠᠬᠢᠭᠤᠯᠤᠨ᠎ᠠ᠃ ᠣᠰᠣᠨ ᠳᠤ | ᠠᠷᠪᠢᠳᠠᠢ ᠤᠷᠭᠠᠨᠢᠭ ᠲᠠᠷᠢᠶᠠᠯᠠᠩ ᠢ ᠡᠷᠴᠢᠮᠳᠠᠢ ᠬᠥᠭᠵᠢᠬᠦᠯᠤᠨᠠ᠃ ᠲᠠᠷᠢᠮᠠᠯ ᠤᠨ ᠶᠡᠷᠤᠩᠭᠡᠢ ᠲᠠᠯᠠᠪᠠᠢ ᠶᠢ 28 | ᠲᠥᠮᠡᠨ ᠮᠣ᠋ ᠳᠤᠲᠤᠷ᠎ᠠ ᠬᠢᠵᠠᠭᠠᠷᠯᠠᠵᠤ᠂ ᠰᠢᠨ᠎ᠠ ᠪᠠᠷ 1.5 ᠲᠥᠮᠡᠨ ᠮᠣ᠋ ᠥᠨᠳᠤᠷ ᠪᠠᠷᠢᠮᠵᠢᠶ᠎ᠠ ᠲᠠᠢ ᠲᠠᠷᠢᠶᠠᠯᠠᠩ ᠢ | ᠲᠠᠷᠢᠵᠤ᠂ ᠳᠣᠰᠣᠭᠠᠨ ᠣᠰᠣᠯᠠᠬᠤ ᠤᠷᠤᠨ ᠤ ᠲᠠᠷᠢᠮᠠᠯ ᠤᠨ ᠶᠡᠷᠤᠩᠭᠡᠢ ᠲᠠᠯᠠᠪᠠᠢ 15 ᠲᠥᠮᠡᠨ ᠮᠣ᠋ ᠳᠤ ᠬᠥᠷᠭᠡᠨ᠎ᠠ᠃ | ᠤᠷᠭᠠᠨᠢᠭ ᠪᠤᠭᠤᠳᠠᠢ᠂ ᠨᠡᠷᠢᠮᠤ᠂ ᠤᠷᠤᠨ ᠨᠣᠳᠤᠭ ᠤᠨ ᠣᠨᠴᠠᠯᠢᠭᠳᠣ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ | ᠲᠠᠯᠠᠪᠠᠢ ᠶᠢ ᠥᠷᠭᠡᠳᠭᠡᠵᠤ᠂ ᠪᠠᠶᠠᠨᠬᠤᠳᠠ ᠶᠢᠨ ᠥᠢᠷ᠎ᠠ ᠬᠠᠪᠢ ᠶᠢᠨ ᠢᠳᠡᠰᠢᠨ ᠨᠤᠭᠤᠭᠠᠨ ᠤ ᠲᠤᠯᠠᠭᠠᠨ | ᠬᠥᠯᠡᠮᠵᠢ ᠶᠢᠨ ᠬᠡᠮᠵᠢᠶ᠎ᠡ ᠶᠢ 800 ᠰᠠᠤᠷᠢ ᠪᠤᠯᠭᠠᠨ ᠨᠡᠮᠡᠭᠳᠡᠬᠦᠯᠤᠨ᠎ᠠ᠃ ᠴᠢᠨᠠᠷᠯᠢᠭ ᠮᠠᠯ ᠠᠵᠤ ᠠᠬᠤᠢ ᠶᠢ ᠡᠷᠴᠢᠮᠳᠠᠢ | ᠬᠥᠭᠵᠢᠬᠦᠯᠤᠨᠠ᠃ ᠪᠥᠬᠦ ᠬᠤᠰᠢᠭᠤᠨ ᠤ ᠮᠠᠯ ᠤᠨ ᠲᠤᠭ᠎ᠠ ᠲᠣᠯᠣᠭᠠᠢ ᠶᠢ 60 ᠲᠥᠮᠡ ᠤᠷᠴᠢᠮ ᠪᠠᠶᠢᠯᠭᠠᠨ᠎ᠠ᠃ | ᠠᠩᠭᠢᠰ ᠥᠭᠡᠷ᠂ ᠶᠠᠫᠤᠨ ᠥᠬᠡᠷ ᠵᠡᠷᠭᠡ ᠡᠭᠦᠯᠳᠡᠷ ᠰᠠᠶᠢᠲᠠᠢ ᠠᠯᠠᠰᠢᠨ ᠤ ᠥᠭᠡᠷ ᠢ 1.5 ᠲᠥᠮᠡᠨ ᠲᠤᠭ᠎ᠠ ᠲᠤᠯᠤᠭᠠᠢ | ᠂ ᠾᠸᠣᠯᠰᠲ᠋ᠠᠨ ᠤ ᠰᠠᠶᠢᠨ ᠡᠭᠦᠯᠳᠡᠷ ᠤᠨ ᠰᠠᠭᠠᠯᠢ ᠶᠢᠨ ᠥᠨᠢᠶ᠎ᠡ ᠶᠢ 2 ᠲᠥᠮᠡᠨ ᠲᠤᠯᠤᠭᠠᠢ᠂ ︽ᠠ ᠳ᠋ᠦ᠋︾ | ᠠᠯᠠᠰᠢᠨ ᠤ ᠬᠤᠨᠢ ᠶᠢ 3 ᠲᠥᠮᠡᠨ ᠲᠤᠯᠤᠭᠠᠢ᠂ ᠬᠠᠢ ᠯᠠᠨ ᠤ ᠥᠷᠡᠵᠢᠯ ᠤᠨ ᠳᠠᠬᠢᠶ᠎ᠠ ᠶᠢ 30 ᠲᠥᠮᠡ ᠬᠠᠰᠢᠶᠠᠯᠠᠨ | ᠲᠡᠵᠢᠬᠡᠨᠠ᠃ ᠢᠩᠭᠡᠨ ᠰᠥ ᠶᠢᠨ ᠠᠵᠤ ᠥᠢᠯᠡᠰ ᠤᠨ ᠬᠡᠪᠴᠢᠶ᠎ᠡ ᠶᠢ ᠥᠷᠭᠡᠳᠭᠡᠵᠤ᠂ ᠨᠤᠤᠯᠤᠷ ᠤᠨ ᠴᠠᠭᠠᠨ | ᠢᠮᠠᠭᠠᠨ ᠤ ᠠᠵᠤ ᠠᠬᠤᠶᠢᠯᠠᠯ ᠤᠨ ᠲᠤᠰᠬᠠᠢ ᠪᠡᠯᠴᠢᠭᠡᠷ ᠢ ᠰᠥᠪᠡᠭᠴᠢᠯᠡᠨ ᠪᠠᠶᠢᠭᠤᠯᠵᠤ᠂ ᠨᠣᠣᠯᠣᠷ ᠤᠨ ᠴᠠᠭᠠᠨ | ᠢᠮᠠᠭᠠᠨ ᠤ ᠴᠢᠨᠠᠷ ᠴᠢᠨᠰᠠᠭᠠᠨ ᠤ ᠠᠮᠤᠷ ᠲᠥᠪᠰᠢᠨ ᠤ ᠬᠢᠨᠠᠨ ᠬᠠᠮᠢᠶᠠᠷᠤᠯᠳᠠ ᠪᠠ ᠡᠬᠢ ᠰᠣᠷᠪᠤᠯᠵᠢ ᠶᠢ ᠨᠢ ᠮᠥᠷᠳᠡᠬᠦ | ᠰᠢᠰᠲ᠋ᠧᠮ ᠤᠨ ᠪᠠᠶᠢᠭᠤᠯᠤᠯᠳᠠ ᠶᠢ ᠲᠡᠭᠦᠯᠳᠡᠷᠵᠢᠬᠦᠯᠥᠨᠠ᠃ ᠲᠠᠸᠠᠷ ᠤᠨ ᠨᠡᠷᠡᠳᠤ ᠳᠡᠮᠳᠡᠭ ᠣᠯᠬᠤ ᠶᠢ ᠡᠷᠴᠢᠮᠳᠠᠢ | ᠳᠡᠭᠡᠭᠰᠢᠬᠦᠯᠥᠨᠠ᠃ ︽ ᠠ ᠳ᠋ᠦ᠋︾ ᠠᠯᠠᠰᠢᠨ ᠤ ᠬᠤᠨᠢ ᠶᠢᠨ ᠡᠭᠦᠯᠳᠡᠷ ᠢ ᠨᠢ ᠤᠯᠤᠰ ᠠᠴᠠ ᠬᠢᠨᠠᠨ | ᠵᠥᠪᠰᠢᠶᠡᠷᠡᠬᠦᠯᠬᠦ ᠪᠠᠷ ᠴᠢᠷᠮᠠᠶᠢᠵᠤ᠂ ᠳᠡᠯ ᠬᠠᠷ᠎ᠠ ᠶᠢᠨ ᠬᠥᠳᠡᠭᠡᠨ ᠤ ᠭᠤᠯᠢᠷ ᠤᠨ ᠭᠠᠷᠤᠯᠳᠠ ᠶᠢᠨ ᠤᠷᠤᠨ ᠤ | ᠤᠷᠭᠠᠨᠢᠭ ᠪᠥᠳᠤᠭᠡᠭᠳᠡᠬᠦᠨ ᠢᠶᠠᠷ ᠪᠠᠳᠤᠯᠭᠠᠵᠢᠭᠤᠯᠬᠤ ᠠᠵᠢᠯ ᠢ ᠡᠬᠢᠯᠡᠬᠦᠯᠵᠤ᠂ ᠡᠯᠡᠰᠤᠨ ᠤ ᠨᠠᠷᠢᠮᠤ ᠪᠠ ᠮᠤᠩᠭᠤᠯ | ᠥᠭᠡᠷ ᠢ ᠣᠯᠣᠰ ᠤᠨ ᠭᠠᠵᠠᠷ ᠤᠷᠤᠨ ᠤ ᠤᠨᠴᠠᠯᠢᠭᠳᠣ ᠪᠥᠳᠤᠭᠡᠭᠳᠡᠬᠦᠨ ᠢᠶᠠᠷ ᠪᠠᠳᠤᠯᠭᠠᠵᠢᠭᠤᠯᠬᠤ ᠪᠠᠷ | ᠲᠠᠨᠢᠯᠴᠠᠭᠤᠯᠤᠨ᠎ᠠ᠃ ᠬᠠᠰᠬᠠ ᠶᠢᠨ ᠮᠤᠩᠭᠤᠯ ᠥᠭᠡᠷ ᠤᠨ ᠡᠭᠦᠯᠳᠡᠷ ᠢ ᠬᠠᠮᠠᠭᠠᠯᠠᠬᠤ ᠲᠠᠯᠠᠪᠠᠢ ᠶᠢᠨ ᠪᠠᠶᠢᠭᠤᠯᠤᠯᠳᠠ | ᠪᠠ ᠴᠥᠯᠵᠢᠭᠰᠡᠨ ᠲᠠᠯ᠎ᠠ ᠨᠣᠳᠤᠭ ᠤᠨ ᠨᠡᠬᠦᠳᠡᠯ ᠰᠤᠶᠤᠯ ᠤᠨ ᠥᠪ ᠢ ᠬᠠᠮᠠᠭᠠᠯᠠᠬᠤ ᠪᠠᠷ ᠡᠷᠡᠮᠵᠢᠯᠡᠬᠦ ᠠᠵᠢᠯᠯᠠᠭ᠎ᠠ ᠶᠢ | ᠥᠷᠨᠢᠭᠦᠯᠤᠨ᠎ᠠ᠃ ᠰᠢᠨ᠎ᠠ ᠭᠡᠯᠪᠡᠷᠢ ᠶᠢᠨ ᠡᠵᠡᠩᠨᠡᠯᠳᠠ ᠶᠢᠨ ᠭᠤᠤᠯ ᠴᠤᠭᠴᠠ ᠶᠢ ᠡᠷᠴᠢᠮᠳᠠᠢ ᠬᠥᠭᠵᠢᠬᠦᠯᠤᠨᠠ᠃ | ᠲᠠᠷᠢᠶᠠᠯᠠᠩ ᠮᠠᠯ ᠠᠵᠤ ᠠᠬᠤᠢ ᠶᠢᠨ ᠥᠢᠯᠡᠰ ᠤᠨ ᠰᠠᠭᠤᠷᠢ ᠮᠥᠩᠬᠦ ᠶᠢ ᠰᠥᠪᠡᠭᠴᠢᠯᠡᠨ ᠪᠥᠷᠢᠯᠳᠤᠭᠦᠯᠵᠤ᠂ ᠹᠧᠩ | ᠮᠠᠥ ᠳ᠋ᠧ ᠺᠤᠮᠫᠠᠨᠢ ᠶᠢᠨ ᠲᠡᠭᠡᠷᠮ᠎ᠡ ᠪᠠᠷ ᠭᠤᠯᠢᠷ ᠪᠤᠯᠪᠠᠰᠤᠷᠠᠭᠤᠯᠬᠤ ᠲᠥᠷᠤᠯ ᠵᠥᠢᠯ ᠢ ᠬᠡᠷᠡᠭᠵᠢᠬᠦᠯᠵᠤ᠂ ᠮᠠᠯᠴᠢᠨ | ᠲᠠᠷᠢᠶᠠᠴᠢᠨ ᠤ 20 ᠬᠤᠷᠰᠢᠶᠠᠵᠢᠯ ᠢ ᠥᠷᠬᠦᠯᠵᠢᠯᠡᠨ ᠳᠥᠷᠢᠮᠵᠢᠬᠦᠯᠵᠤ᠂ ᠭᠡᠷ ᠪᠥᠯᠢ ᠶᠢᠨ ᠮᠠᠯᠵᠢᠯ | ᠲᠠᠷᠢᠶᠠᠯᠠᠩ ᠪᠤᠯᠤᠨ ᠲᠤᠰᠬᠠᠢ ᠮᠡᠷᠭᠡᠵᠢᠯ ᠤᠨ 150 ᠲᠤᠮᠤ ᠡᠷᠤᠭᠡ ᠶᠢ ᠪᠤᠯᠪᠠᠰᠤᠷᠠᠯ ᠬᠥᠷᠳᠡᠭᠡᠵᠤ ᠲᠤᠭᠲᠠᠭᠠᠨ᠎ᠠ᠃ | ᠲᠠᠷᠢᠶᠠᠴᠢᠨ ᠪᠠ ᠠᠵᠤ ᠠᠬᠤᠶᠢᠯᠠᠯ ᠤᠨ ᠬᠠᠮᠳᠤᠷᠠᠯᠴᠠᠭ᠎ᠠ ᠶᠢ ᠤᠳᠤᠷᠢᠳᠤᠨ᠂ ᠠᠰᠢᠭ ᠲᠤᠰᠠ ᠪᠠᠨ ᠬᠠᠮᠳᠤᠳᠬᠠᠭᠰᠠᠨ | ᠲᠤᠭᠲᠠᠯᠴᠠᠭ᠎ᠠ ᠶᠢ ᠪᠥᠷᠢᠯᠳᠤᠬᠦᠯᠤᠨ᠂ ᠤᠨᠴᠠᠯᠢᠭᠳᠣ ᠠᠵᠤ ᠥᠢᠯᠡᠰ ᠤᠨ ᠬᠤᠯᠪᠤᠭᠠᠳᠤ ᠴᠤᠭᠴᠠ ᠶᠢᠨ | ᠬᠥᠭᠵᠢᠯᠳᠠ ᠶᠢᠨ ᠴᠢᠨᠰᠠᠭ᠎ᠠ ᠶᠢ ᠳᠡᠭᠡᠭᠰᠢᠯᠡᠬᠦᠯᠵᠤ᠂ ᠮᠠᠯᠴᠢᠨ ᠲᠠᠷᠢᠶᠠᠴᠢᠨ ᠳᠤ ᠤᠯᠠᠮ ᠶᠡᠭᠡ ᠠᠰᠢᠭ ᠬᠥᠷᠳᠡᠭᠡᠨᠠ᠃ | ᠠᠮᠢ ᠠᠬᠤᠢ ᠶᠢᠨ ᠣᠷᠣᠰᠢᠨ ᠰᠠᠭᠤᠷᠢᠰᠢᠬᠤ ᠳᠤ ᠲᠤᠬᠢᠷᠠᠮᠵᠢᠲᠠᠢ ᠥᠵᠡᠰᠭᠦᠯᠡᠩᠳᠤ ᠬᠥᠳᠡᠭᠡ ᠲᠤᠰᠬᠤᠨ ᠢ ᠪᠥᠳᠤᠭᠡᠨ | ᠪᠠᠶᠢᠭᠤᠯᠤᠨ᠎ᠠ᠃ ︽ᠵᠠᠰᠠᠭ ᠤᠨ ᠤᠷᠳᠤᠨ ᠤᠳᠤᠷᠢᠳᠤᠨ ᠵᠢᠯᠤᠭᠤᠳᠴᠤ᠂ ᠠᠵᠤ ᠠᠬᠤᠶᠢᠯᠠᠯ ᠢᠶᠠᠷ ᠭᠤᠤᠯ ᠴᠤᠭᠴᠠ | ᠪᠤᠯᠭᠠᠨ᠂ ᠵᠠᠬ᠎ᠠ ᠳᠡᠯᠭᠡᠭᠦᠷᠴᠢᠯᠡᠨ ᠠᠵᠢᠯᠯᠠᠬᠤ︾ ᠬᠡᠯᠪᠡᠷᠢ ᠶᠢ ᠪᠠᠷᠢᠮᠳᠠᠯᠠᠵᠤ᠂ ᠲᠠᠷᠢᠶᠠᠯᠠᠩ ᠤᠨ ᠶᠡᠷᠤᠩᠭᠡᠶᠢᠯᠡᠭᠰᠡᠨ | ᠴᠤᠭᠴᠠ ᠶᠢᠨ ᠭᠡᠪᠴᠢᠶ᠎ᠡ ᠶᠢ ᠥᠷᠭᠡᠳᠭᠡᠬᠦ ᠪᠠ ᠳᠡᠰ ᠳᠡᠪᠰᠢᠬᠦᠯᠬᠦ ᠢᠨᠵᠧᠨᠧᠷᠢᠩ ᠢ ᠠᠯᠬᠤᠮ ᠠᠯᠬᠤᠮ ᠢᠶᠠᠷ | ᠭᠡᠷᠡᠭᠵᠢᠬᠦᠯᠤᠨ᠎ᠠ᠃ ᠨᠢᠭᠡ ᠴᠤᠭᠴᠠᠵᠢᠭᠤᠯᠤᠨ ᠬᠥᠭᠵᠢᠬᠦᠯᠬᠦ ᠰᠡᠳᠬᠢᠴᠡ ᠪᠠᠷ ᠪᠠᠶᠠᠨᠬᠤᠳᠠ— ᠪᠠᠷᠠᠭᠤᠨ ᠪᠡᠯ ᠤᠨ | ᠲᠠᠷᠢᠶᠠᠯᠠᠩ ᠤᠨ ᠶᠡᠷᠤᠩᠭᠡᠶᠢᠯᠡᠭᠰᠡᠨ ᠴᠤᠭᠴᠠ ᠶᠢ ᠥᠷᠬᠦᠯᠵᠢᠯᠡᠨ ᠴᠤᠭᠴᠠᠯᠠᠵᠤ᠂ ᠲᠠᠲᠠᠭᠠᠯ ᠤᠨ ᠤᠰᠤ᠂ ᠥᠵᠤᠮ᠂ | ᠪᠠᠶᠠᠨᠬᠦ᠋ᠳᠡᠭᠡ ᠵᠡᠷᠭᠡ 3 ᠤᠷᠤᠨ ᠤ ᠥᠢᠯᠡᠴᠢᠯᠡᠭᠡᠨ ᠤ ᠴᠢᠳᠠᠮᠵᠢ ᠶᠢ ᠭᠤᠤᠯᠳᠠᠯᠭ᠎ᠠ ᠲᠠᠢ ᠳᠡᠭᠡᠭᠰᠢᠯᠡᠬᠦᠯᠤᠨ᠎ᠠ᠃ | ᠤᠯᠠᠨᠪᠤᠯᠠᠭ ᠤᠨ ᠤᠳᠤᠬᠢᠴᠢᠯᠠᠭᠰᠠᠨ ᠲᠠᠷᠢᠵᠤ ᠲᠡᠵᠢᠭᠡᠬᠦ ᠥᠢᠯᠡᠰ ᠢ ᠪᠡᠶᠡᠴᠢᠯᠡᠨ ᠥᠢᠯᠭᠠᠬᠤ ᠲᠤᠭᠤᠷᠢᠭ ᠢ | ᠪᠠᠶᠢᠭᠤᠯᠵᠤ᠂ ᠬᠤᠳᠠ ᠲᠠᠢ ᠬᠠᠮᠳᠤᠷᠠᠭᠰᠠᠨ ᠲᠠᠷᠢᠶᠠᠯᠠᠩ ᠤᠨ ᠶᠡᠷᠤᠩᠭᠡᠶᠢᠯᠡᠭᠰᠡᠨ ᠴᠤᠭᠴᠠ ᠶᠢᠨ ᠥᠷ᠎ᠡ ᠪᠥᠳᠤᠮᠵᠢ ᠶᠢ | ᠳᠠᠶᠢᠴᠢᠯᠠᠨ᠎ᠠ᠃ ᠵᠧᠵᠢᠶᠠᠩ ᠤᠨ ︽ ᠮᠢᠩᠭᠠᠨ ᠲᠤᠰᠬᠤᠨ ᠤ ᠥᠯᠢᠭᠡᠷ ᠳᠠᠭᠤᠷᠢᠶᠠᠯ᠂ ᠲᠥᠮᠡᠨ ᠲᠤᠰᠬᠤᠨ ᠤ ᠵᠠᠰᠠᠨ | ᠴᠡᠭᠴᠡᠯᠡᠯᠲᠠ︾ ᠶᠢᠨ ᠢᠨᠵᠧᠨᠧᠷᠢᠩ ᠤᠨ ᠲᠤᠷᠰᠢᠯᠭ᠎ᠠ ᠶᠢ ᠰᠤᠷᠤᠯᠴᠠᠨ᠂ ᠮᠠᠯᠵᠢᠬᠤ ᠲᠠᠷᠢᠶᠠᠯᠠᠬᠤ ᠤᠷᠤᠨ ᠤ | ᠰᠠᠭᠤᠭᠠᠯᠢ ᠠᠷᠠᠳ ᠤᠨ ᠤᠷᠴᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠤᠪᠯᠡᠭᠡ ᠶᠢ | ᠯᠠᠪᠳᠠᠭᠤᠨ ᠥᠷᠨᠢᠬᠦᠯᠵᠤ᠂ 9 ᠰᠤᠮᠤ ᠪᠠᠯᠭᠠᠰᠤᠨ ᠤ 83 ᠭᠠᠴᠠᠭ᠎ᠠ ᠲᠤᠰᠬᠤᠨ ᠤ ᠰᠠᠭᠤᠭᠠᠯᠢ ᠠᠷᠠᠳ ᠤᠨ ᠣᠷᠴᠢᠨ | ᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠬᠥᠳᠡᠭᠡ ᠲᠤᠰᠬᠤᠨ ᠤ ︽ ᠪᠠᠭ᠎ᠠ ᠵᠠᠰᠠᠯᠲᠠ︾ ᠬᠢᠭᠡᠳ ᠮᠠᠯ ᠠᠵᠤ | ᠠᠬᠤᠢ ᠶᠢᠨ ᠬᠠᠮᠢᠶᠠᠷᠤᠯᠳᠠ ᠶᠢᠨ ᠰᠢᠨ᠎ᠠ ᠬᠡᠯᠪᠡᠷᠢ ᠶᠢ ᠲᠤᠷᠰᠢᠨ ᠬᠡᠷᠡᠭᠵᠢᠬᠦᠯᠵᠤ᠂ ᠰᠣᠮᠣ ᠪᠠᠯᠭᠠᠰᠤᠨ ᠤ | ᠶᠡᠷᠤᠩᠭᠡᠶᠢᠯᠡᠭᠰᠡᠨ ᠬᠠᠤᠯᠢ ᠬᠡᠷᠡᠭᠵᠢᠬᠦᠯᠤᠯᠳᠠ ᠶᠢᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠵᠤ᠂ ᠬᠠᠤᠯᠢ | ᠭᠡᠷᠡᠭᠵᠢᠬᠦᠯᠤᠯᠳᠠ ᠶᠢᠨ ᠴᠢᠳᠠᠮᠵᠢ ᠪᠠ ᠬᠢᠷᠢ ᠲᠥᠪᠰᠢᠨ ᠢ ᠳᠡᠭᠡᠭᠰᠢᠯᠡᠬᠦᠯᠤᠨ᠂ ᠥᠵᠡᠰᠭᠦᠯᠡᠩᠳᠤ ᠰᠠᠶᠢᠬᠠᠨ ᠬᠥᠳᠡᠭᠡ | ᠲᠤᠰᠬᠤᠨ ᠤ ᠪᠥᠳᠤᠭᠡᠨ ᠪᠠᠶᠢᠭᠤᠯᠤᠯᠳᠠ ᠪᠠ ᠤᠷᠴᠢᠨ ᠲᠤᠭᠤᠷᠢᠨ ᠤ ᠠᠮᠢ ᠠᠬᠤᠢ ᠶᠢᠨ ᠴᠡᠭᠴᠡᠯᠡᠯᠳᠠ ᠶᠢᠨ ᠥᠷ᠎ᠡ | ᠪᠥᠳᠤᠮᠵᠢ ᠶᠢ ᠥᠷᠬᠦᠯᠵᠢᠯᠡᠨ ᠪᠠᠬᠢᠵᠢᠬᠦᠯᠤᠨ᠎ᠠ᠃ | ︵ᠭᠤᠷᠪᠠ︶ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠠᠵᠤ ᠳᠡᠰ ᠳᠡᠪᠰᠢᠬᠦᠯᠬᠦ ᠶᠢ ᠦᠷᠭᠦᠯᠵᠢᠯᠡᠨ | ᠠᠬᠢᠭᠤᠯᠵᠤ᠂ ᠴᠢᠨᠠᠷᠯᠢᠭ ᠬᠦᠭᠵᠢᠯᠳᠠ ᠶᠢ ᠲᠦᠯᠬᠢᠨ ᠠᠬᠢᠭᠤᠯᠬᠤ ᠲᠠᠯ᠎ᠠ ᠪᠠᠷ ᠰᠢᠨ᠎ᠡ ᠰᠢᠪᠲᠤᠯᠤᠯᠳᠠ ᠤᠯᠤᠨ᠎ᠠ᠃ | ᠤᠯᠠᠮᠵᠢᠯᠠᠯᠳᠦ ᠠᠵᠤ ᠦᠢᠯᠡᠰ ᠤᠨ ᠬᠦᠭᠵᠢᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠲᠠᠶᠢᠰᠢ | ᠨᠡᠭᠦᠷᠡᠰᠦᠨ ᠤ ᠪᠦᠯᠦᠭᠯᠡᠯ᠂ ᠲᠢᠶᠠᠨ ᠷᠦᠩ ᠺᠤᠮᠫᠠᠨᠢ ᠵᠡᠷᠭᠡ ᠨᠡᠭᠦᠷᠡᠰᠦᠨ ᠠᠵᠤ ᠠᠬᠤᠶᠢᠯᠠᠯ ᠤᠨ ᠭᠠᠷ | ᠭᠦᠢᠴᠡᠳᠬᠡᠯ ᠤᠨ ᠠᠵᠢᠯ ᠢ ᠲᠦᠯᠬᠢᠨ ᠠᠬᠢᠭᠤᠯᠵᠤ᠂ ᠴᠢᠩ ᠬᠤᠸᠠ ᠶᠢᠨ 180 ᠲᠦᠮᠡᠨ ᠲᠤᠨ᠂ ᠹᠦ᠋ ᠴᠢᠤᠸᠠᠨ ᠤ | 120 ᠲᠦᠮᠡᠨ ᠲᠤᠨ ᠨᠡᠭᠦᠷᠡᠰᠦ ᠮᠠᠯᠳᠠᠬᠤ ᠡᠭᠦᠷᠬᠡ ᠪᠠᠨ ᠪᠠᠶᠠᠯᠡᠭᠦᠯᠬᠦ ᠶᠢ ᠠᠬᠢᠭᠤᠯᠵᠤ᠂ ᠨᠢᠩ ᠹᠠ ᠶᠢᠨ 120 | ᠲᠦᠮᠡᠨ ᠲᠤᠨ ᠤ ᠨᠡᠭᠦᠷᠡᠰᠦᠨ ᠤ ᠠᠭᠤᠷᠬᠠᠢ ᠶᠢᠨ ᠮᠡᠷᠭᠡᠵᠢᠯ ᠤᠨ ᠥᠭᠡᠷᠡᠴᠢᠯᠡᠯᠳᠠ ᠶᠢ ᠪᠡᠶᠡᠯᠡᠬᠦᠯᠤᠨ᠂ ᠲᠠᠶᠢᠰᠢ | ᠨᠡᠭᠦᠷᠡᠰᠤᠨ ᠤ 25 ᠲᠦᠮᠡᠨ ᠲᠤᠨ ᠢᠳᠡᠪᠬᠢᠵᠢᠭᠦᠯᠦᠭᠰᠡᠨ ᠨᠡᠭᠦᠷᠡᠰᠦ ᠥᠢᠯᠡᠳᠪᠥᠷᠢᠯᠡᠬᠦ ᠲᠦᠷᠦᠯ ᠵᠦᠢᠯ ᠤᠨ | ᠪᠠᠶᠢᠭᠤᠯᠤᠯᠳᠠ ᠶᠢ ᠲᠦᠷᠭᠡᠳᠬᠡᠵᠤ᠂ ᠰᠢᠯᠢᠳᠡᠭ ᠡᠬᠢ ᠪᠠᠶᠠᠯᠢᠭ ᠢ ᠲᠤᠬᠠᠢ ᠶᠢᠨ ᠭᠠᠵᠠᠷ ᠲᠤᠨᠢ ᠪᠥᠳᠥᠭᠡᠭᠳᠡᠬᠦᠨ | ᠪᠣᠯᠭᠠᠵᠤ ᠦᠷᠳᠡᠭ ᠢ ᠨᠢ ᠨᠡᠮᠡᠭᠳᠡᠬᠦᠯᠤᠨ᠎ᠠ᠃ 5 ᠬᠥᠨᠳᠡᠶᠢᠯᠡᠭᠳᠡᠭᠰᠡᠨ ᠠᠭᠤᠷᠬᠠᠢ ᠠᠶᠤᠯ ᠭᠠᠮᠰᠢᠭ ᠢ ᠶᠡᠷᠦᠩᠭᠡᠶᠢᠯᠡᠨ | ᠴᠡᠭᠴᠡᠯᠡᠬᠦ ᠠᠬᠢᠴᠠ ᠪᠠᠨ ᠨᠡᠮᠡᠭᠳᠡᠬᠦᠯᠵᠤ᠂ ᠴᠢᠩ ᠬᠤᠸᠠ ᠪᠦᠯᠦᠭᠯᠡᠯ ᠤᠨ ᠪᠠᠢ ᠯᠢᠩ᠂ ᠲᠠᠶᠢᠰᠢ ᠪᠦᠯᠦᠭᠯᠡᠯ ᠤᠨ | ᠲᠠᠪᠤᠳᠤᠭᠠᠷ ᠵᠠᠰᠠᠨ ᠴᠡᠭᠴᠡᠯᠡᠬᠦ ᠲᠤᠭᠤᠷᠢᠭ ᠤᠨ ᠵᠠᠰᠠᠨ ᠴᠡᠭᠴᠡᠯᠡᠯᠳᠠ ᠶᠢᠨ ᠡᠭᠦᠷᠬᠡ ᠶᠢ ᠤᠷᠢᠳᠴᠢᠯᠡᠨ | ᠪᠡᠶᠡᠯᠡᠭᠦᠯᠦᠨ᠎ᠡ᠃ ᠵᠤᠯᠵᠠᠭ᠎ᠠ ᠠᠯᠳᠠᠨ ᠤ ᠠᠭᠤᠷᠬᠠᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ ᠵᠢᠴᠢ | ᠠᠯᠳᠠᠨ ᠤ ᠠᠵᠤ ᠦᠢᠯᠡᠰ ᠤᠨ ᠲᠤᠭᠤᠷᠢᠭ᠂ ᠶᠢᠣ ᠪᠠᠩ ᠤᠨ ᠵᠢᠯ ᠤᠨ ᠭᠠᠷᠤᠯᠳᠠ ᠨᠢ 30 ᠲᠦᠮᠡᠨ ᠲᠤᠨ ᠤ ᠤᠯᠠᠨ | ᠥᠩᠭᠡᠳᠤ ᠲᠡᠮᠦᠷᠯᠢᠭ ᠤᠨ ᠠᠭᠤᠷᠬᠠᠢ᠂ ᠴᠠᠩ ᠹᠠᠨ ᠺᠤᠮᠫᠠᠨᠢ ᠶᠢᠨ 120 ᠲᠦᠮᠡᠨ ᠲᠤᠨ ᠤ ᠦᠭᠡᠬᠦᠨ ᠴᠢᠯᠠᠭᠤᠨ ᠤ | ᠬᠠᠶᠢᠷ ᠤᠨ ᠳᠠᠷᠤᠯᠲᠠ ᠳᠤ ᠲᠡᠰᠪᠤᠷᠢᠳᠠᠢ ᠪᠦᠲᠦᠭᠡᠭᠳᠡᠭᠦᠨ ᠵᠡᠷᠭᠡ ᠲᠦᠷᠦᠯ ᠵᠦᠢᠯ ᠤᠨ ᠪᠠᠶᠢᠭᠤᠯᠤᠯᠳᠠ ᠶᠢ | ᠲᠦᠷᠭᠡᠳᠬᠡᠨ ᠠᠬᠢᠭᠤᠯᠵᠤ᠂ ᠪᠠᠷᠠᠭᠤᠨ ᠪᠠᠯ ᠤᠨ ᠴᠢᠯᠠᠭᠤᠨ ᠮᠠᠲ᠋ᠧᠷᠢᠶᠠᠯ ᠤᠨ ᠠᠭᠤᠷᠬᠠᠢ ᠨᠤᠭᠤᠳ ᠢ | ᠳᠥᠷᠢᠮᠵᠢᠬᠦᠯᠤᠨ᠂ ᠠᠭᠤᠷᠬᠠᠢ ᠶᠢᠨ ᠡᠬᠢ ᠪᠠᠶᠠᠯᠢᠭ ᠢ ᠨᠡᠭᠡᠭᠡᠨ ᠠᠰᠢᠬᠯᠠᠬᠤ ᠬᠢᠷᠢ ᠲᠦᠪᠰᠢᠨ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠵᠤ᠂ ᠠᠭᠤᠷᠬᠠᠢ ᠶᠢᠨ ᠦᠢᠯᠡᠰ ᠤᠨ ᠠᠵᠤ ᠠᠬᠤᠢ ᠡᠷᠡᠭᠦᠯ ᠢᠶᠠᠷ ᠪᠤᠬᠢᠷᠳᠤᠯ ᠦᠭᠡᠢ ᠬᠦᠭᠵᠢᠬᠦ | ᠶᠢ ᠪᠠᠶᠡᠯᠡᠭᠦᠯᠦᠨ᠎ᠡ᠃ | ᠡᠯᠡᠰᠦᠨ ᠤ ᠠᠵᠤ ᠦᠢᠯᠡᠰ ᠤᠨ ᠲᠦᠷᠭᠡᠨ ᠬᠦᠭᠵᠢᠬᠦ ᠶᠢ ᠠᠬᠢᠭᠤᠯᠤᠨ᠎ᠠ᠃ ᠠᠯᠠᠱᠠ ᠶᠢᠨ ᠡᠯᠡᠰᠦᠨ ᠤ ᠠᠵᠤ | ᠦᠢᠯᠡᠰ ᠤᠨ ᠪᠦᠬᠦᠯᠢ ᠴᠤᠬᠴᠠᠳᠦ ᠨᠡᠷᠡᠳᠤ ᠲᠡᠮᠳᠡᠭ ᠢ ᠴᠢᠷᠮᠠᠶᠢᠨ ᠡᠭᠦᠳᠴᠣ᠂ ᠨᠠᠨ ᠲᠢᠶᠠᠨ ᠲᠤᠰᠬᠤᠨ ᠤ ᠶᠡᠷᠤᠩᠭᠡᠢ | ᠥᠭᠡᠷᠡᠴᠢᠯᠡᠯᠳᠠ ᠪᠠ ᠲᠠᠷᠢᠶᠠᠯᠠᠩ ᠤᠨ ᠶᠡᠷᠤᠩᠭᠡᠶᠢᠯᠡᠭᠰᠡᠨ ᠴᠤᠭᠴᠠ ᠶᠢᠨ ᠪᠠᠶᠢᠭᠤᠯᠤᠯᠳᠠ ᠲᠠᠢ ᠬᠤᠯᠪᠤᠭᠳᠠᠭᠤᠯᠤᠨ | ᠡᠯᠡᠰᠤᠨ ᠠᠵᠤ ᠥᠢᠯᠡᠰ ᠤᠨ ᠡᠷᠡᠬᠦᠯᠵᠢᠯ ᠰᠢᠨᠵᠢᠯᠡᠭᠡ ᠮᠡᠷᠬᠡᠵᠢᠯ ᠤᠨ ᠥᠢᠯᠡᠰ ᠪᠤᠰᠬᠠᠬᠤ ᠬᠥᠷᠢᠶᠡᠯᠡᠩ ᠢ ᠵᠤᠬᠢᠰᠲᠠᠢ | ᠥᠷᠭᠡᠳᠬᠡᠵᠤ᠂ ᠰᠠᠭᠤᠷᠢ ᠲᠦᠬᠦᠭᠡᠷᠦᠮᠵᠢ ᠪᠠ ᠢᠵᠢ ᠪᠦᠷᠢᠲᠦᠭᠰᠡᠨ ᠴᠢᠳᠠᠮᠵᠢ ᠶᠢ ᠪᠦᠷᠢᠨᠰᠢᠭᠦᠯᠦᠨ᠂ ᠡᠯᠡᠰᠦᠨ ᠤ | ᠠᠵᠤ ᠦᠢᠯᠡᠰ ᠤᠨ ᠶᠡᠷᠦᠩᠬᠡᠶᠢᠯᠡᠭᠰᠡᠨ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠡᠬᠢᠯᠡᠭᠦᠯᠦᠨ᠎ᠡ᠃ | ᠬᠦᠷᠢᠶᠡᠯᠡᠩ ᠳᠤ ᠤᠷᠤᠵᠤ ᠰᠠᠭᠤᠷᠢᠰᠢᠬᠤ ᠨᠦᠬᠦᠴᠡᠯ ᠳᠤ ᠴᠢᠩᠭ᠎ᠠ ᠬᠢᠨᠠᠯᠳᠠ ᠲᠠᠯᠪᠢᠵᠤ᠂ ᠬᠤᠩ ᠺᠥᠢ ᠴᠠᠭᠠᠨ | ᠭᠤᠶᠤᠤ᠂ ᠨᠡᠭᠦᠳᠡᠯ ᠮᠠᠯᠵᠢᠯ ᠤᠨ ᠵᠢᠷᠭᠠᠯᠳᠤ ᠤᠷᠤᠨ᠂ ᠱᠠᠩ ᠷᠥᠩ ᠶᠤᠸᠠᠨ᠂ ᠮᠠᠨᠳᠤᠯ᠎ᠠ ᠪᠠ ᠬᠤᠸᠠ ᠬᠤᠩ ᠵᠡᠷᠭᠡ | ᠠᠵᠤ ᠠᠬᠤᠶᠢᠯᠠᠯ ᠢ ᠳᠡᠮᠵᠢᠵᠤ᠂ ᠡᠯᠡᠰᠦᠨ ᠤ ᠠᠵᠤ ᠦᠢᠯᠡᠰ ᠢ ᠲᠦᠪᠯᠡᠷᠡᠭᠦᠯᠦᠨ ᠡᠷᠴᠢᠮᠵᠢᠭᠦᠯᠵᠤ ᠦᠨᠳᠦᠷ | ᠠᠰᠢᠭᠳᠠᠢ ᠬᠥᠭᠵᠢᠬᠦᠯᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠭᠤᠷᠪᠠᠳᠤᠭᠠᠷ ᠬᠤᠭᠤᠴᠠᠭᠠᠨ ᠤ ᠪᠦᠬᠦ ᠤᠯᠤᠰ | ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠴᠤ ᠦᠢᠯᠡᠰ ᠡᠷᠬᠢᠯᠡᠬᠦ ᠲᠡᠮᠡᠴᠡᠭᠡᠨ᠂ ᠡᠯᠡᠰᠦᠨ ᠤ ᠠᠵᠤ | ᠦᠢᠯᠡᠰ ᠤᠨ ᠰᠢᠨ᠎ᠡ ᠶᠢ ᠡᠭᠦᠳᠬᠦ ᠦᠵᠡᠰᠬᠦᠯᠡᠩ᠂ ᠡᠯᠡᠰᠦᠨ ᠤ ᠠᠵᠤ ᠦᠢᠯᠡᠰ ᠤᠨ ᠳᠡᠭᠡᠳᠤ ᠲᠥᠪᠰᠢᠨ ᠤ | ᠶᠠᠷᠢᠶᠠᠨ ᠤ ᠲᠠᠪᠴᠠᠩ ᠵᠡᠷᠭᠡ ᠠᠵᠢᠯᠯᠠᠭ᠎ᠠ ᠶᠢ ᠦᠷᠭᠦᠯᠵᠢᠯᠡᠨ ᠡᠷᠬᠢᠯᠡᠬᠦ ᠡᠷᠬᠡ ᠶᠢ ᠣᠯᠬᠤ ᠪᠠᠷ ᠴᠢᠷᠮᠠᠶᠢᠨ᠎ᠠ᠃ ᠠᠵᠤ | ᠠᠬᠤᠶᠢᠯᠠᠯ᠂ ᠶᠡᠭᠡ ᠳᠡᠭᠡᠳᠤ ᠰᠤᠷᠭᠠᠭᠤᠯᠢ᠂ ᠰᠢᠨᠵᠢᠯᠡᠭᠡ ᠰᠤᠳᠤᠯᠭᠠᠨ ᠤ ᠬᠥᠷᠢᠶᠡᠯᠡᠩ ᠬᠤᠭᠤᠷᠤᠨᠳᠣᠬᠢ | ᠬᠠᠮᠲᠤᠷᠠᠯᠴᠠᠭ᠎ᠠ ᠶᠢ ᠴᠢᠩᠭᠠᠳᠬᠠᠵᠤ᠂ ᠠᠯᠠᠱᠠ ᠵᠡᠬᠦᠨ ᠬᠤᠰᠢᠭᠤᠨ ᠤ ᠴᠠᠭᠠᠨ ᠭᠤᠶᠤᠤ ᠶᠢᠨ ᠢᠳᠡᠭᠡᠨ ᠤ | ᠵᠥᠢᠯᠡᠰ ᠤᠨ ᠲᠥᠭᠦᠭᠡᠢ ᠡᠳ᠋ ᠢᠶᠠᠷ ᠪᠠᠳᠤᠯᠭᠠᠵᠢᠭᠤᠯᠬᠤ ᠠᠵᠢᠯ ᠢ ᠠᠬᠢᠭᠤᠯᠵᠤ᠂ ᠰᠢᠨᠵᠢᠯᠡᠬᠦ ᠤᠬᠠᠭᠠᠨ ᠤ | ᠰᠣᠳᠣᠯᠣᠯᠭ᠎ᠠ ᠪᠠ ᠰᠢᠨᠵᠢᠯᠡᠬᠦ ᠤᠬᠠᠭᠠᠳᠠᠨ ᠢ ᠤᠷᠢᠨ ᠠᠪᠴᠢᠷᠠᠬᠤ ᠬᠦᠴᠦᠯᠡᠴᠠ ᠪᠠᠨ ᠴᠢᠩᠭᠠᠳᠬᠠᠵᠤ᠂ 57 | ᠲᠦᠷᠦᠯ ᠤᠨ ᠪᠦᠲᠦᠭᠡᠭᠳᠡᠬᠦᠨ᠂ 37 ᠰᠣᠳᠤᠯᠤᠯᠭᠠ ᠬᠢᠵᠤ ᠪᠠᠶᠢᠭ᠎ᠠ ᠦᠷ᠎ᠡ ᠪᠦᠲᠦᠮᠵᠢ ᠪᠠᠨ ᠦᠢᠯᠡᠳᠪᠦᠷᠢᠯᠡᠯ ᠳᠤ | ᠰᠢᠯᠵᠢᠭᠦᠯᠬᠦ ᠶᠢ ᠠᠬᠢᠭᠤᠯᠵᠤ᠂ ᠠᠵᠤ ᠠᠬᠤᠢ ᠶᠢᠨ ᠰᠢᠨ᠎ᠡ ᠨᠡᠮᠡᠭᠳᠡᠯ ᠴᠡᠭ ᠢ ᠪᠤᠢ ᠪᠤᠯᠭᠠᠨ᠎ᠠ᠃ | ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠳᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ᠤᠯᠠᠨᠪᠤᠯᠠᠭ ᠤᠨ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠬᠦᠭᠵᠢᠯᠳᠠ ᠶᠢᠨ ᠲᠦᠯᠦᠪᠵᠢᠭᠦᠯᠭᠡ ᠶᠢ | ᠲᠤᠬᠲᠠᠭᠠᠵᠤ᠂ ᠶᠢᠨ ᠪᠤᠯᠠᠭ ᠺᠤᠮᠫᠠᠨᠢ ᠶᠢᠨ ᠲᠠᠯᠠᠰᠵᠢᠬᠰᠠᠨ ᠪᠠᠯ ᠴᠢᠯᠠᠭᠤᠨ ᠤ ᠠᠭᠤᠷᠬᠠᠢ ᠦᠢᠯᠡᠳᠪᠦᠷᠢᠯᠡᠯ ᠢᠶᠠᠨ | ᠡᠬᠢᠯᠡᠭᠦᠯᠦᠨ ᠦᠷ᠎ᠡ ᠠᠰᠢᠭ ᠭᠥᠷᠳᠡᠬᠦ ᠶᠢ ᠠᠬᠢᠭᠤᠯᠵᠤ᠂ ᠳᠤᠮᠳᠠᠳᠤ ᠤᠯᠤᠰ ᠤᠨ ᠴᠢᠯᠠᠭᠤᠨ ᠲᠤᠰᠤᠨ ᠤ ᠬᠤᠸᠠᠪᠸᠢ | ᠤᠷᠤᠨ ᠳᠠᠬᠢ ᠬᠤᠪᠢᠶᠠᠷᠢ ᠺᠤᠮᠫᠠᠨᠢ ᠲᠠᠢ ᠪᠦᠬᠦ ᠬᠦᠴᠦᠨ ᠢᠶᠠᠷ ᠢᠶᠠᠨ ᠬᠠᠮᠵᠢᠯᠴᠠᠨ᠂ ᠴᠢᠯᠠᠭᠤᠨ ᠲᠤᠰᠤᠨ ᠤ | ᠪᠥᠳᠤᠭᠡᠭᠳᠡᠬᠦᠨ ᠤ ᠥᠢᠯᠡᠳᠪᠤᠷᠢᠯᠡᠯ ᠢ ᠠᠯᠠᠱᠠ ᠵᠡᠭᠦᠨ ᠬᠤᠰᠢᠭᠤᠨ ᠳᠤ ᠰᠠᠭᠤᠷᠢᠰᠢᠭᠤᠯᠬᠤ ᠪᠠᠷ ᠴᠢᠷᠮᠠᠶᠢᠨ᠎ᠠ᠃ | ᠠᠯᠠᠱᠠ ᠵᠡᠭᠦᠨ ᠬᠤᠰᠢᠭᠤᠨ ᠤ ᠪᠤᠷᠵᠢᠨ ᠴᠢᠯᠠᠭᠤᠨ ᠤ ᠪᠤᠬᠢᠷᠳᠣᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠳᠠ | ᠶᠢᠨ ᠲᠦᠯᠦᠪᠵᠢᠭᠦᠯᠭᠡ ᠶᠢ ᠨᠠᠶᠢᠷᠠᠭᠤᠯᠵᠤ᠂ ᠠᠵᠤ ᠠᠬᠤᠶᠢᠯᠠᠯ ᠤᠨ ᠠᠭᠤᠷᠬᠠᠢ ᠮᠠᠯᠳᠠᠬᠤ ᠠᠵᠢᠯᠯᠠᠭ᠎ᠠ ᠶᠢ | ᠳᠦᠷᠢᠮᠵᠢᠭᠦᠯᠦᠨ᠂ ︽ ᠨᠢᠭᠡ ᠠᠭᠤᠷᠬᠠᠢ ᠶᠢ ᠨᠢᠭᠡ ᠬᠤᠩᠬᠢᠯ ᠢᠶᠠᠷ ᠮᠠᠯᠳᠠᠬᠤ︾ ᠶᠢ ᠴᠢᠩᠭ᠎ᠠ ᠬᠡᠷᠡᠭᠵᠢᠭᠦᠯᠵᠤ᠂ | ᠴᠢᠯᠠᠭᠤᠨ ᠬᠠᠪᠲᠠᠰᠤᠨ ᠤ ᠦᠢᠯᠡᠳᠪᠦᠷᠢᠯᠡᠯ ᠤᠨ ᠲᠤᠭᠤᠷᠢᠭ ᠲᠤ ᠦᠢᠯᠡᠳᠪᠦᠷᠢ ᠶᠢᠨ ᠬᠡᠪ ᠲᠦᠷᠬᠦ ᠵᠢᠴᠢ ︽ | ᠭᠤᠷᠪᠠᠨ ᠬᠠᠶᠠᠭᠳᠠᠯ︾ ᠢ ᠰᠢᠢᠳᠪᠦᠷᠢᠯᠡᠬᠦ ᠵᠡᠷᠭᠡ ᠠᠰᠠᠭᠤᠳᠠᠯ ᠤᠨ ᠴᠡᠭᠴᠡᠯᠡᠯᠳᠠ ᠶᠢ ᠴᠢᠩᠭᠠᠳᠬᠠᠨ᠎ᠠ᠃ ᠪᠤᠷᠵᠢᠨ | ᠴᠢᠯᠠᠭᠤᠨ ᠤ ᠠᠭᠤᠷᠬᠠᠢ ᠶᠢᠨ ᠤᠷᠤᠨ ᠪᠠ ᠴᠢᠯᠠᠭᠤᠨ ᠬᠠᠪᠲᠠᠰᠤᠨ ᠤ ᠦᠢᠯᠡᠳᠪᠦᠷᠢᠯᠡᠯ ᠤᠨ ᠲᠤᠭᠤᠷᠢᠭ ᠤᠨ | ᠬᠠᠶᠠᠭᠳᠠᠯ ᠮᠠᠲ᠋ᠧᠷᠢᠶᠠᠯ᠂ ᠬᠠᠶᠠᠭᠳᠠᠯ ᠨᠤᠨᠳᠠᠭ ᠢ ᠶᠡᠷᠦᠩᠬᠡᠶᠢᠯᠡᠨ ᠨᠡᠭᠡᠭᠡᠨ ᠠᠰᠢᠬᠯᠠᠬᠤ ᠲᠦᠷᠦᠯ ᠵᠦᠢᠯ ᠢ | ᠭᠡᠷᠡᠭᠵᠢᠬᠦᠯᠵᠤ᠂ ᠥᠪᠤᠷ ᠮᠤᠩᠭᠤᠯ ᠳᠠᠬᠢ ᠱᠠᠨᠰᠢ ᠶᠢᠨ ᠪᠥᠳᠤᠭᠡᠨ ᠪᠠᠶᠢᠭᠤᠯᠤᠯᠳᠠ ᠶᠢᠨ ᠺᠤᠮᠫᠠᠨᠢ ᠶᠢᠨ ᠪᠤᠷᠵᠢᠨ | ᠴᠢᠯᠠᠭᠤᠨ ᠤ ᠬᠠᠶᠠᠭᠳᠠᠯ ᠮᠠᠲ᠋ᠧᠷᠢᠶᠠᠯ ᠢ ᠶᠡᠷᠤᠩᠭᠡᠶᠢᠯᠡᠨ ᠠᠰᠢᠭᠯᠠᠬᠤ ᠲᠥᠷᠤᠯ ᠵᠥᠢᠯ ᠢ ᠲᠤᠷᠰᠢᠨ ᠥᠢᠯᠡᠳᠪᠥᠷᠢᠯᠡᠬᠦ᠂ | ᠪᠠᠶᠠᠨᠨᠢᠷᠤᠭᠤᠨ ᠤ ᠪᠤᠷᠵᠢᠨ ᠴᠢᠯᠠᠭᠤᠨ ᠤ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠬᠯᠠᠬᠤ ᠵᠢᠴᠢ ᠳᠠᠬᠢᠨ | ᠠᠰᠢᠭᠯᠠᠬᠤ ᠲᠦᠷᠦᠯ ᠵᠦᠢᠯ ᠤᠨ ᠪᠠᠷᠢᠯᠭ᠎ᠠ ᠶᠢ ᠡᠬᠢᠯᠡᠭᠦᠯᠦᠨ ᠪᠦᠲᠦᠭᠡᠨ ᠪᠠᠶᠢᠭᠤᠯᠬᠤ ᠪᠠᠷ ᠴᠢᠷᠮᠠᠶᠢᠨ᠎ᠠ᠃ ᠲᠤᠨᠤᠭ | ᠲᠦᠬᠦᠭᠡᠷᠦᠮᠵᠢ ᠦᠢᠯᠡᠳᠬᠦ ᠦᠢᠯᠡᠰ ᠢ ᠶᠡᠬᠡᠪᠡᠷ ᠬᠦᠭᠵᠢᠭᠦᠯᠵᠤ᠂ ᠰᠢᠶᠠᠩ ᠲᠠᠨ ᠰᠡᠯᠬᠢᠨ ᠴᠠᠬᠢᠯᠭᠠᠨ ᠤ ᠲᠤᠨᠤᠭ | ᠲᠦᠬᠦᠭᠡᠷᠦᠮᠵᠢ ᠶᠢᠨ ᠲᠦᠷᠦᠯ ᠵᠦᠢᠯ᠂ ᠵᠦᠩ ᠬᠤᠤ ᠰᠢᠨ᠎ᠡ ᠡᠨᠧᠷᠬᠢ ᠶᠢᠨ ᠮᠠᠰᠢᠨ ᠲᠡᠷᠭᠡᠨ ᠤ ᠠᠵᠤ ᠦᠢᠯᠡᠰ ᠤᠨ | ᠬᠡᠯᠬᠢᠶᠡᠵᠢᠭᠰᠡᠨ ᠲᠦᠷᠦᠯ ᠵᠦᠢᠯ ᠢ ᠬᠡᠷᠡᠭᠵᠢᠭᠦᠯᠦᠨ᠎ᠡ᠃ ᠱᠸᠡᠭ ᠮᠣ᠋ ᠭᠤᠤ ᠺᠧ ᠤᠨ ᠵᠢᠯ ᠳᠤ 2 ᠲᠥᠮᠡᠨ ᠲᠤᠨ ᠤ | ᠭᠠᠷᠤᠯᠳᠠ ᠲᠠᠢ ᠨᠢᠯᠬᠠᠰ ᠤᠨ ᠤᠷᠭᠠᠨᠢᠭ ᠰᠦᠨ ᠲᠠᠯᠬ᠎ᠠ ᠥᠢᠯᠡᠳᠪᠤᠷᠢᠯᠡᠨ ᠥᠷ᠎ᠡ ᠠᠰᠢᠭ ᠣᠯᠬᠤ ᠶᠢ ᠠᠬᠢᠭᠤᠯᠤᠨ᠎ᠠ | ᠃ | ᠴᠡᠷᠢᠭ ᠠᠷᠠᠳ ᠢ ᠤᠶᠠᠯᠳᠤᠭᠤᠯᠤᠭᠰᠠᠨ ᠠᠵᠤ ᠦᠢᠯᠡᠰ ᠤᠨ ᠬᠦᠭᠵᠢᠯᠳᠠ ᠶᠢ ᠲᠦᠯᠬᠢᠨ ᠠᠬᠢᠭᠤᠯᠤᠨ᠎ᠠ᠃ ᠤᠯᠤᠰ | ᠤᠨ ᠳᠡᠰ ᠤᠨ ᠴᠡᠷᠢᠭ ᠠᠷᠠᠳ ᠤᠨ ᠤᠶᠠᠯᠳᠤᠨ ᠭᠥᠭᠵᠢᠭᠰᠡᠨ ᠤᠨᠴᠠᠯᠢᠭᠳᠦ ᠵᠢᠱᠢᠶ᠎ᠡ ᠦᠵᠡᠭᠦᠯᠬᠦ ᠲᠤᠭᠤᠷᠢᠭ ᠢ | ᠲᠦᠯᠦᠪᠵᠢᠭᠦᠯᠦᠨ ᠪᠦᠲᠦᠭᠡᠨ ᠪᠠᠶᠢᠭᠤᠯᠵᠤ᠂ ᠵᠠᠷᠢᠮ ᠴᠡᠷᠢᠭ ᠠᠩᠭᠢ ᠶᠢᠨ ᠰᠠᠭᠤᠷᠢᠨ ᠭᠠᠵᠠᠷ᠂ ᠤᠯᠤᠰ ᠤᠨ | ᠪᠠᠲᠤᠯᠠᠨ ᠬᠠᠮᠠᠭᠠᠯᠠᠯᠳᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠪᠠᠷᠠᠭᠤᠨ ᠰᠠᠭᠤᠷᠢᠨ ᠭᠠᠵᠠᠷ ᠬᠢᠭᠡᠳ | ᠲᠡᠶᠢᠷᠦᠯᠳᠦ ᠰᠤᠮᠤᠨ ᠤ ᠬᠥᠳᠡᠯᠭᠡᠭᠦᠷ ᠤᠨ ᠰᠠᠭᠤᠷᠢ ᠲᠥᠬᠦᠭᠡᠷᠤᠮᠵᠢ ᠶᠢᠨ ᠪᠦᠲᠦᠭᠡᠨ ᠪᠠᠶᠢᠭᠤᠯᠤᠯᠳᠠ ᠶᠢ | ᠲᠦᠷᠭᠡᠳᠬᠡᠵᠤ᠂ ᠴᠡᠷᠢᠭ ᠠᠷᠠᠳ ᠤᠨ ᠡᠯᠡᠰᠦ ᠮᠠᠩᠬᠠᠨ ᠤ ᠬᠡᠭᠡᠷᠡᠯᠡᠨ ᠠᠶᠠᠯᠠᠬᠤ ᠮᠠᠰᠢᠨ ᠲᠡᠷᠭᠡᠨ ᠤ ᠲᠤᠷᠰᠢᠯᠳᠠ ᠶᠢᠨ | ᠲᠠᠯᠠᠪᠤᠷ᠂ ᠠᠦ᠋ᠲ᠋ᠤ᠋ ᠨᠢᠰᠬᠡᠯ ᠢ ᠲᠤᠷᠰᠢᠬᠤ ᠪᠠ ᠨᠢᠰᠬᠡᠬᠦ ᠲᠦᠷᠦᠯ ᠵᠦᠢᠯ ᠤᠨ ᠪᠡᠯᠡᠳᠬᠡᠯ ᠠᠵᠢᠯ ᠢ ᠲᠦᠯᠬᠢᠨ | ᠠᠬᠢᠭᠤᠯᠵᠤ᠂ ︽ᠳᠤᠮᠳᠠᠳᠤ ᠤᠯᠤᠰ · ᠠᠯᠠᠱᠠ ᠶᠢᠨ ᠤᠯᠠᠨ ᠤᠯᠤᠰ ᠤᠨ ᠪᠠᠲᠤᠯᠠᠨ ᠬᠠᠮᠠᠭᠠᠯᠠᠯᠳᠠ ᠶᠢᠨ | ᠦᠵᠡᠰᠬᠦᠯᠡᠩ︾ ᠢ ᠡᠷᠬᠢᠯᠡᠬᠦ ᠪᠠᠷ ᠢᠳᠡᠪᠬᠢᠳᠠᠢ ᠭᠤᠶᠤᠴᠢᠯᠠᠨ᠎ᠠ᠃ | ᠴᠡᠪᠡᠷ ᠡᠨᠧᠷᠬᠢ ᠶᠢᠨ ᠠᠵᠤ ᠦᠢᠯᠡᠰ ᠢ ᠪᠣᠯᠪᠠᠰᠣᠷᠠᠭᠤᠯᠤᠨ ᠪᠤᠵᠠᠭᠠᠶᠢᠷᠠᠭᠤᠯᠤᠨ᠎ᠠ᠃ ᠰᠠᠯᠬᠢ᠂ ᠨᠠᠷᠠᠨ ᠤ ᠡᠨᠧᠷᠬᠢ | ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠪᠠᠳᠠᠷᠠᠭᠤᠯᠤᠨ᠂ ᠤᠯᠠᠨᠪᠤᠯᠠᠭ ᠠᠴᠠ ᠬᠤᠸᠠ ᠵᠦᠩ ᠬᠦᠷᠬᠦ 800 | ᠺᠢᠯᠤᠸᠤᠯᠲ ᠤᠨ ᠤᠨᠴᠠᠭᠠᠢ ᠦᠨᠳᠦᠷ ᠬᠦᠴᠦᠳᠡᠯᠳᠦ ᠲᠤᠭᠲᠠᠮᠠᠯ ᠴᠠᠬᠢᠯᠭᠠᠨ ᠱᠤᠭᠤᠮ ᠤᠨ ᠲᠦᠷᠦᠯ ᠵᠦᠢᠯ ᠢ ᠪᠦᠬᠦ | ᠬᠥᠴᠤ ᠪᠠᠷ ᠢᠶᠠᠨ ᠬᠠᠮᠵᠢᠯᠴᠠᠨ ᠰᠠᠶᠢᠳᠦᠷ ᠬᠢᠵᠤ᠂ ᠤᠯᠠᠨᠪᠤᠯᠠᠭ ᠤᠨ ᠰᠠᠯᠬᠢᠨ ᠴᠠᠬᠢᠯᠭᠠᠨ ᠤ ᠰᠠᠭᠤᠷᠢᠨ ᠭᠠᠵᠠᠷ ᠤᠨ | ᠲᠦᠯᠦᠪᠵᠢᠭᠦᠯᠭᠡ ᠪᠠ ᠵᠢᠷᠤᠭ ᠲᠦᠰᠦᠪ ᠢ ᠬᠢᠨᠠᠨ ᠵᠥᠪᠰᠢᠶᠡᠷᠡᠬᠦᠯᠬᠦ ᠠᠯᠬᠤᠴᠠ ᠪᠠᠨ ᠬᠤᠷᠳᠤᠳᠬᠠᠵᠤ᠂ ᠵᠢᠯ ᠤᠨ | ᠡᠴᠦᠰ ᠠᠴᠠ ᠡᠮᠦᠨ᠎ᠡ 160 ᠲᠦᠮᠡᠨ ᠺᠢᠯᠤᠸᠠᠲ ᠤᠨ ᠰᠠᠯᠬᠢᠨ ᠡᠨᠧᠷᠬᠢ ᠤᠨ ᠴᠠᠬᠢᠯᠭᠠᠨ ᠬᠠᠳᠠᠭᠠᠯᠠᠮᠵᠢ ᠲᠠᠢ | ᠲᠦᠷᠦᠯ ᠵᠦᠢᠯ ᠢ ᠪᠠᠶᠢᠭᠤᠯᠬᠤ ᠪᠠᠷ ᠴᠢᠷᠮᠠᠶᠢᠨ᠎ᠡ᠃ ᠰᠡᠯᠬᠢ᠂ ᠨᠠᠷᠠᠨ ᠤ ᠡᠨᠧᠷᠬᠢ ᠶᠢᠨ ᠡᠬᠢ ᠪᠠᠶᠠᠯᠢᠭ ᠤᠨ | ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠤᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠤ᠂ ᠡᠷᠳᠡ | ᠨᠢᠭᠡᠨ ᠡᠳᠦᠷ ᠤᠯᠤᠰ ᠤᠨ ᠴᠡᠪᠡᠷ ᠡᠨᠧᠷᠬᠢ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠤᠯᠭᠠᠬᠤ ᠪᠠᠷ ᠴᠢᠷᠮᠠᠶᠢᠨ᠎ᠠ | ᠃ | ︵ᠳᠦᠷᠪᠡ︶ ᠤᠯᠠᠨ ᠤᠯᠤᠰ ᠤᠨ ᠵᠢᠭᠤᠯᠴᠢᠯᠠᠯ ᠤᠨ ᠬᠠᠷᠠᠯᠳᠠᠳᠤ ᠤᠷᠤᠨ ᠪᠤᠯᠭᠠᠬᠤ ᠪᠠᠶᠢᠭᠤᠯᠤᠯᠳᠠ ᠪᠠᠨ | ᠦᠷᠭᠦᠯᠵᠢᠯᠡᠨ ᠠᠬᠢᠭᠤᠯᠵᠤ᠂ ᠭᠤᠷᠪᠠᠳᠤᠭᠠᠷ ᠠᠵᠤ ᠦᠢᠯᠡᠰ ᠢ ᠬᠦᠴᠦᠷᠭᠡᠭᠵᠢᠭᠦᠯᠬᠦ ᠳᠤ ᠰᠢᠨ᠎ᠡ ᠲᠠᠪᠰᠢᠯᠳᠠ ᠶᠢ | ᠪᠡᠶᠡᠯᠡᠬᠦᠯᠤᠨ᠎ᠠ᠃ | ᠪᠦᠬᠦ ᠬᠦᠷᠢᠶ᠎ᠡ ᠴᠠᠷ᠎ᠠ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠦᠭᠵᠢᠭᠦᠯᠦᠨ᠎ᠡ᠃ | ᠤᠯᠠᠨᠪᠤᠯᠠᠭ ᠤᠨ ᠵᠢᠭᠤᠯᠴᠢᠯᠠᠯ ᠤᠨ ᠤᠷᠤᠨ ᠤ ᠡᠵᠡᠩᠨᠡᠯᠳᠠ ᠶᠢᠨ ᠡᠷᠬᠡ ᠪᠠᠨ ᠬᠤᠷᠢᠶᠠᠨ ᠠᠪᠴᠦ ᠨᠢᠭᠡᠳᠦᠭᠦᠯᠦᠨ | ᠬᠦᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠡᠯᠡᠰᠦ ᠮᠠᠩᠬᠠᠨ ᠤ ᠬᠦᠰᠡᠯ ᠮᠥᠷᠤᠭᠡᠳᠣᠯ ᠤᠨ ᠴᠡᠴᠡᠷᠯᠢᠭ ᠤᠨ | ᠬᠠᠮᠢᠶᠠᠷᠤᠯᠳᠠ ᠶᠢᠨ ᠳᠤᠭᠳᠠᠯᠴᠠᠭ᠎ᠠ ᠶᠢ ᠰᠠᠶᠢᠳᠤᠷ ᠰᠢᠯᠤᠭᠤᠳᠬᠠᠵᠤ᠂ ᠰᠤᠶᠤᠯ ᠵᠢᠭᠤᠯᠴᠢᠯᠠᠯ ᠤᠨ ᠺᠤᠮᠫᠠᠨᠢ ᠶᠢᠨ | ᠲᠠᠪᠴᠠᠩ ᠢ ᠴᠢᠩᠭᠠᠳᠬᠠᠨ ᠬᠦᠴᠦᠷᠭᠡᠭᠵᠢᠭᠦᠯᠦᠨ᠎ᠡ᠃ ᠦᠵᠡᠮᠵᠢ ᠶᠢᠨ ᠤᠷᠤᠨ᠂ ᠦᠵᠡᠮᠵᠢ ᠶᠢᠨ ᠴᠡᠭ ᠢ | ᠳᠡᠭᠡᠭᠰᠢᠯᠡᠬᠦᠯᠬᠦ ᠢᠨᠵᠧᠨᠧᠷᠢᠩ ᠢ ᠰᠠᠶᠢᠳᠤᠷ ᠠᠳᠬᠤᠵᠤ᠂ ᠬᠦᠰᠡᠯ ᠮᠥᠷᠤᠭᠡᠳᠣᠯ ᠤᠨ ᠮᠠᠰᠢᠨ ᠲᠡᠷᠭᠡ ᠪᠠ ᠠᠭᠠᠷ | ᠠᠶᠠᠯᠠᠯ ᠤᠨ ᠭᠤᠤᠯ ᠰᠡᠳᠦᠪᠳᠦ ᠴᠡᠴᠡᠷᠯᠢᠭ᠂ ᠱᠠᠰᠢᠨ ᠢ ᠪᠠᠳᠠᠷᠠᠭᠤᠯᠤᠭᠴᠢ ᠰᠦᠮ᠎ᠡ ᠶᠢ ᠵᠠᠰᠠᠨ ᠰᠢᠨᠡᠳᠬᠡᠬᠦ ᠵᠡᠷᠭᠡ | 17 ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠢ ᠭᠤᠤᠯᠳᠠᠯᠭ᠎ᠠ ᠲᠠᠢ ᠠᠬᠢᠭᠤᠯᠤᠨ᠎ᠠ᠃ ᠤᠬᠠᠭᠤᠯᠭ᠎ᠠ ᠪᠠ | ᠡᠵᠡᠩᠨᠡᠯᠳᠠ ᠪᠤᠷᠤᠯᠠᠭᠤᠯᠭ᠎ᠠ ᠶᠢᠨ ᠲᠤᠭᠲᠠᠯᠴᠠᠭ᠎ᠠ ᠪᠠᠨ ᠰᠢᠨᠡᠴᠢᠯᠡᠵᠤ᠂ ᠤᠷᠤᠨ ᠪᠦᠰᠡ ᠠᠯᠤᠰᠯᠠᠭᠰᠠᠨ | ᠬᠠᠮᠲᠤᠷᠠᠯᠴᠠᠭ᠎ᠠ ᠪᠠᠨ ᠥᠷᠭᠡᠳᠭᠡᠨ᠂ ᠸᠢᠴᠠᠲ᠂ ᠪᠢᠴᠢᠯ ᠪᠦᠷᠭᠡ᠂ ᠳᠠᠭᠤᠳᠤ ᠳᠥᠷᠰᠤ ᠰᠢᠩᠭᠡᠭᠡᠯᠳᠠ᠂ ᠠᠯᠪᠠᠨ | ᠰᠥᠯᠵᠢᠶ᠎ᠡ ᠵᠡᠷᠭᠡ ᠮᠡᠳᠡᠭᠡ ᠵᠠᠭᠤᠴᠢᠯᠠᠭᠤᠷ ᠢᠶᠠᠷ ᠳᠠᠮᠵᠢᠭᠤᠯᠤᠨ ᠪᠦᠬᠦ ᠲᠠᠯ᠎ᠠ ᠶᠢᠨ ᠤᠬᠠᠭᠤᠯᠭ᠎ᠠ ᠰᠤᠷᠲᠠᠯᠴᠢᠯᠠᠭ᠎ᠠ ᠶᠢ | ᠦᠷᠨᠢᠭᠦᠯᠵᠤ᠂ ︽ᠲᠤᠤᠷ ᠰᠦᠯᠵᠢᠶ᠎ᠡ ᠪᠠ ᠪᠤᠳᠠᠳᠤ ᠠᠬᠤᠢ︾ ᠶᠢ ᠬᠠᠷᠢᠯᠴᠠᠨ ᠤᠶᠠᠯᠳᠤᠭᠤᠯᠤᠭᠰᠠᠨ ᠡᠵᠡᠩᠨᠡᠯᠳᠠ | ᠶᠢᠨ ᠬᠡᠯᠪᠡᠷᠢ ᠶᠢ ᠪᠤᠢ ᠪᠤᠯᠭᠠᠨ᠎ᠠ᠃ ᠵᠢᠭᠤᠯᠴᠢᠯᠡᠯ ᠤᠨ ᠪᠠᠶᠠᠷ ᠨᠠᠭᠠᠳᠤᠮ ᠤᠨ ᠰᠢᠷᠢᠰ ᠠᠵᠢᠯᠯᠠᠭ᠎ᠠ ᠶᠢ ᠰᠠᠶᠢᠳᠤᠷ | ᠠᠳᠬᠤᠵᠤ᠂ ᠠᠷᠪᠠᠨ ᠳᠦᠷᠪᠡᠳᠦᠭᠡᠷ ᠬᠤᠭᠤᠴᠠᠭᠠᠨ ᠤ ᠬᠡᠬᠡᠷᠡᠯᠡᠨ ᠠᠶᠠᠯᠠᠬᠤ e ᠠᠩᠬᠢ · ᠠᠯᠠᠱᠠ ᠶᠢᠨ | ᠪᠠᠭᠠᠳᠤᠷᠴᠤᠳ ᠤᠨ ᠴᠤᠭᠯᠠᠭᠠᠨ᠂ ᠤᠯᠠᠨ ᠤᠯᠤᠰ ᠤᠨ ᠫᠧᠩᠰᠡᠨ ᠤ ᠤᠷᠭᠤᠮᠠᠯ ᠪᠠ ᠭᠡᠭᠡᠨᠴᠢᠷ ᠴᠢᠯᠠᠭᠤᠨ ᠤ | ᠰᠣᠳᠣᠨ ᠪᠦᠲᠦᠭᠡᠯ ᠤᠨ ᠦᠵᠡᠭᠦᠯᠦᠯᠭᠡ ᠵᠢᠴᠢ ᠠᠷᠪᠠᠨ ᠳᠠᠪᠤᠳᠤᠭᠠᠷ ᠬᠤᠭᠤᠴᠠᠭᠠᠨ ᠤ ᠠᠯᠠᠱᠠ ᠶᠢᠨ ᠬᠠᠰ | ᠦᠵᠡᠮᠦᠷᠢ ᠶᠢᠨ ᠴᠢᠯᠠᠭᠤᠨ ᠤ ᠰᠤᠶᠤᠯ ᠤᠨ ᠰᠤᠯᠢᠯᠴᠠᠭᠠᠨ ᠤ ᠦᠵᠡᠰᠬᠦᠯᠡᠩ ᠪᠠ ︽ᠨᠢᠭᠡ ᠪᠦᠰᠡ ᠨᠢᠭᠡ ᠵᠠᠮ︾ | ᠤᠨ ᠤᠯᠠᠨ ᠤᠯᠤᠰ ᠤᠨ ᠲᠡᠮᠡᠭᠡᠨ ᠤ ᠨᠠᠭᠠᠳᠤᠮ ᠵᠡᠷᠭᠡ ᠭᠤᠷᠪᠠᠨ ᠶᠡᠭᠡ ᠪᠠᠶᠠᠷ ᠨᠠᠶᠢᠷ ᠤᠨ ᠰᠢᠷᠢᠰ ᠠᠵᠢᠯᠯᠠᠭ᠎ᠠ ᠶᠢ | ᠰᠠᠶᠢᠳᠦᠷ ᠡᠷᠬᠢᠯᠡᠨ᠎ᠡ᠃ ︽ᠵᠢᠭᠤᠯᠴᠢᠯᠠᠯ +︾ ᠠᠷᠭ᠎ᠠ ᠪᠤᠳᠤᠯᠭ᠎ᠠ ᠶᠢ ᠶᠡᠬᠡᠪᠡᠷ ᠲᠦᠯᠬᠢᠨ ᠶᠠᠪᠤᠬᠳᠠᠭᠤᠯᠵᠤ᠂ | ᠮᠠᠰᠢᠨ ᠲᠡᠷᠭᠡ ᠶᠢ ᠲᠤᠷᠰᠢᠨ ᠵᠢᠯᠤᠭᠤᠳᠬᠤ᠂ ᠪᠤᠶᠠᠨ ᠢ ᠦᠨᠳᠦᠰᠦᠯᠡᠭᠴᠢ ᠰᠦᠮ᠎ᠡ ᠳᠤ ᠨᠤᠮ ᠰᠤᠨᠤᠰᠬᠤ᠂ ᠤᠯᠤᠰ | ᠤᠨ ᠪᠠᠲᠤᠯᠠᠨ ᠬᠠᠮᠠᠭᠠᠯᠠᠯᠳᠠ ᠶᠢᠨ ᠬᠥᠮᠥᠵᠢᠯ ᠤᠨ ᠵᠢᠭᠤᠯᠴᠢᠯᠠᠯ᠂ ᠬᠠᠨ ᠲᠡᠭᠷᠢ ᠺᠢᠨᠤ᠋ ᠶᠢᠨ ᠬᠤᠳᠠ ᠪᠠᠷ ᠲᠤᠭᠤᠷᠢᠨ | ᠵᠢᠭᠤᠯᠴᠢᠯᠠᠬᠤ ᠲᠦᠷᠦᠯ ᠵᠦᠢᠯ ᠢ ᠨᠡᠭᠡᠭᠡᠨ ᠬᠥᠭᠵᠢᠬᠦᠯᠵᠤ᠂ ᠲᠤᠷᠭᠠᠨ ᠵᠠᠮ ᠤᠨ ᠤᠯᠠᠨ ᠤᠯᠤᠰ ᠤᠨ ᠮᠠᠰᠢᠨ ᠲᠡᠷᠭᠡᠨ | ᠤ ᠬᠥᠴᠤ ᠵᠠᠯᠭᠠᠬᠤ ᠤᠷᠤᠯᠳᠤᠭᠠᠨ᠂ ᠠᠯᠠᠱᠠ ᠶᠢᠨ ᠤᠯᠠᠨ ᠤᠯᠤᠰ ᠤᠨ ᠱᠠᠯᠪᠤᠷ ᠪᠦᠬᠡ ᠶᠢᠨ ︽ᠠᠯᠳᠠᠨ ᠪᠦᠰᠡ︾ | ᠶᠢᠨ ᠲᠡᠮᠡᠴᠡᠭᠡᠨ ᠵᠡᠷᠭᠡ ᠨᠡᠷᠡᠳᠦ ᠲᠡᠮᠳᠡᠭᠳᠦ ᠪᠡᠶ᠎ᠡ ᠲᠠᠮᠢᠷ ᠤᠨ ᠰᠢᠷᠢᠰ ᠮᠦᠷᠦᠶᠢᠴᠡᠬᠡᠨ ᠢ ᠡᠷᠬᠢᠯᠡᠨ ᠶᠠᠪᠤᠬᠳᠠᠭᠤᠯᠵᠤ᠂ | ᠭᠤᠸᠠᠩᠮᠢᠩ ᠡᠳᠦᠷ ᠤᠨ ᠰᠤᠨᠢᠨ᠂ ᠰᠢ ᠠᠨ ᠤ ᠰᠤᠷᠭᠠᠨ ᠬᠦᠮᠦᠵᠢᠯ ᠤᠨ ᠲᠧᠯᠸᠢᠰ ᠬᠤᠷᠢᠶ᠎ᠠ ᠵᠡᠷᠭᠡ ᠪᠠᠶᠢᠭᠤᠯᠭ᠎ᠠ | ᠲᠠᠢ ᠬᠠᠮᠳᠤᠷᠠᠯᠴᠠᠨ ᠵᠢᠭᠤᠯᠴᠢᠯᠡᠯ ᠤᠨ ᠰᠢᠨ᠎ᠡ ᠪᠠᠶᠢᠳᠠᠯ ᠢ ᠪᠤᠢ ᠪᠤᠯᠭᠠᠨ᠎ᠠ᠃ ᠠᠮᠢ ᠠᠬᠤᠶᠢᠵᠢᠭᠰᠠᠨ ᠲᠠᠷᠢᠶᠠᠯᠠᠩ᠂ | ᠦᠨᠳᠦᠰᠦᠲᠡᠨ ᠤ ᠤᠨᠴᠠᠯᠢᠭᠳᠣ ᠤᠷᠤᠨ ᠰᠠᠭᠤᠴᠠ ᠵᠡᠷᠭᠡ ᠬᠦᠳᠡᠭᠡ ᠲᠤᠰᠬᠤᠨ ᠤ ᠵᠢᠭᠤᠯᠴᠢᠯᠠᠯ ᠤᠨ | ᠪᠦᠲᠦᠭᠡᠭᠳᠡᠭᠦᠨ ᠢ ᠴᠢᠷᠮᠠᠶᠢᠨ ᠪᠤᠢ ᠪᠤᠯᠭᠠᠵᠤ᠂ ᠪᠦᠬᠦᠶᠢᠯᠡ ᠠᠵᠤ ᠦᠢᠯᠡᠰ ᠤᠨ ᠤᠶᠠᠯᠳᠤᠨ ᠬᠦᠭᠵᠢᠬᠦ ᠶᠢ | ᠠᠬᠢᠭᠤᠯᠤᠨ᠎ᠠ᠃ ᠪᠦᠬᠦ ᠵᠢᠯ ᠤᠨ ᠵᠢᠭᠤᠯᠴᠢᠳ ᠢ ᠬᠥᠯᠢᠶᠡᠨ ᠠᠪᠬᠤ ᠲᠤᠭ᠎ᠠ ᠶᠢ 780 ᠲᠦᠮᠡᠨ ᠬᠦᠮᠦᠨ ᠤᠳᠠᠭ᠎ᠠ | ᠳᠤ ᠬᠦᠷᠭᠡᠬᠦ ᠪᠠᠷ ᠴᠢᠷᠮᠠᠶᠢᠨ᠎ᠡ᠃ | ᠤᠳᠤᠬᠢᠴᠢᠯᠠᠭᠰᠠᠨ ᠦᠢᠯᠡᠴᠢᠯᠡᠭᠡᠨ ᠤ ᠦᠢᠯᠡᠰ ᠢ ᠶᠡᠬᠡᠪᠡᠷ ᠭᠦᠭᠵᠢᠭᠦᠯᠦᠨ᠎ᠡ᠃ ᠲᠤᠮᠳᠠ᠂ ᠪᠠᠭ᠎ᠠ᠂ ᠵᠢᠵᠢᠭ ᠬᠡᠯᠪᠡᠷᠢ | ᠶᠢᠨ ᠠᠵᠤ ᠠᠬᠤᠶᠢᠯᠠᠯ ᠢ ᠳᠡᠮᠵᠢᠬᠦ ᠲᠦᠷᠦ ᠶᠢᠨ ᠪᠤᠳᠤᠯᠭ᠎ᠠ ᠶᠢ ᠢᠳᠡᠪᠬᠢᠳᠠᠢ ᠨᠠᠶᠢᠳᠠᠪᠤᠷᠢᠵᠢᠭᠤᠯᠵᠤ᠂ ᠢᠳᠡᠭᠡᠨ | ᠤᠮᠳᠠᠭᠠᠨ᠂ ᠪᠠᠭᠤᠳᠠᠯ᠂ ᠵᠢᠵᠢᠭᠯᠡᠨ ᠬᠤᠳᠠᠯᠳᠤᠬᠤ ᠵᠡᠷᠭᠡ ᠠᠮᠢᠳᠤᠷᠠᠯ ᠤᠨ ᠦᠢᠯᠡᠴᠢᠯᠡᠭᠡᠨ ᠤ ᠦᠢᠯᠡᠰ ᠢ ᠳᠡᠰ | ᠲᠡᠪᠰᠢᠭᠦᠯᠦᠨ᠎ᠡ᠃ ᠴᠤᠭᠯᠠᠭ᠎ᠠ ᠮᠠᠶᠢᠮᠠᠢ ᠵᠠᠬ᠎ᠠ ᠳᠡᠯᠭᠡᠭᠦᠷ ᠤᠨ ᠬᠠᠮᠢᠶᠠᠷᠤᠯᠳᠠ ᠪᠠᠨ ᠴᠢᠩᠭᠠᠳᠬᠠᠵᠤ᠂ ᠪᠠᠶᠠᠨᠬᠤᠳᠠ | ᠶᠢᠨ ᠪᠣᠳᠠᠰ ᠤᠨ ᠬᠦᠢᠯᠭᠡᠭᠡᠨ ᠤ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ | ᠲᠡᠭᠦᠯᠳᠡᠷᠵᠢᠭᠦᠯᠵᠤ᠂ ᠮᠠᠰᠢᠨ ᠲᠡᠷᠭᠡ ᠰᠡᠯᠪᠢᠨ ᠵᠠᠰᠠᠬᠤ᠂ ᠪᠤᠳᠠᠰ ᠤᠨ ᠭᠦᠢᠯᠭᠡᠭᠡᠨ ᠤ ᠬᠥᠮᠤᠷᠭᠡᠯᠡᠯᠳᠠ ᠵᠡᠷᠭᠡ | ᠦᠢᠯᠡᠳᠪᠦᠷᠢᠯᠡᠯ ᠤᠨ ᠴᠢᠨᠠᠷᠲᠠᠢ ᠥᠢᠯᠡᠴᠢᠯᠡᠭᠡ ᠶᠢ ᠡᠮᠬᠢ ᠳᠢᠭᠯᠢᠮ ᠲᠠᠢ ᠳᠦᠷᠢᠮᠵᠢᠭᠦᠯᠦᠨ ᠭᠦᠭᠵᠢᠭᠦᠯᠦᠨ᠎ᠡ᠃ | ᠬᠡᠯᠬᠢᠶᠡᠵᠢᠭᠰᠡᠨ ᠡᠵᠡᠩᠨᠡᠯᠳᠠ᠂ ᠡᠯᠧᠺᠲᠷᠤᠨ ᠬᠤᠳᠠᠯᠳᠤᠭ᠎ᠠ ᠵᠡᠷᠭᠡ ᠶᠢ ᠢᠳᠡᠪᠬᠢᠳᠠᠢ ᠬᠦᠭᠵᠢᠭᠦᠯᠬᠦ ᠦᠢᠯᠡᠴᠢᠯᠡᠭᠡᠨ ᠤ | ᠠᠵᠢᠯ ᠢᠶᠠᠨ ᠰᠠᠶᠢᠳᠦᠷ ᠬᠢᠵᠤ᠂ ᠤᠳᠤᠬᠢᠴᠢᠯᠠᠭᠰᠠᠨ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢᠨ ᠦᠢᠯᠡᠴᠢᠯᠡᠭᠡᠨ | ᠤ ᠲᠤᠬᠲᠠᠯᠴᠠᠭ᠎ᠠ ᠪᠠᠨ ᠲᠠᠰᠤᠷᠠᠯᠳᠠ ᠦᠭᠡᠢ ᠲᠡᠭᠦᠯᠳᠡᠷᠵᠢᠭᠦᠯᠵᠤ᠂ ᠤᠷᠤᠨ ᠨᠤᠲᠤᠭ ᠤᠨ ᠤᠨᠴᠠᠯᠢᠭᠳᠣ ᠮᠢᠬᠠᠨ ᠤ | ᠪᠦᠲᠦᠭᠡᠭᠳᠡᠭᠦᠨ᠂ ᠴᠠᠭᠠᠨ ᠢᠳᠡᠭᠡ᠂ ᠭᠠᠷ ᠤᠷᠠᠯᠠᠯ ᠤᠨ ᠪᠦᠲᠦᠭᠡᠭᠳᠡᠭᠦᠨ ᠢ ᠰᠦᠯᠵᠢᠶᠡᠨ ᠳᠡᠭᠡᠷ᠎ᠡ ᠪᠤᠷᠤᠯᠠᠭᠤᠯᠬᠤ ᠶᠢ | ᠲᠦᠯᠬᠢᠨ ᠠᠬᠢᠭᠤᠯᠤᠨ᠎ᠠ᠃ ᠨᠡᠶᠢᠭᠡᠮ ᠤᠨ ᠡᠳ᠋ ᠬᠦᠷᠦᠩᠭᠡ ᠶᠢ ᠲᠠᠶᠢᠴᠢᠯᠡᠨ ᠡᠷᠡᠬᠦᠯ ᠮᠡᠨᠳᠦ ᠤᠨ ᠪᠠᠲᠤᠯᠠᠭ᠎ᠠ᠂ | ᠨᠠᠰᠤᠵᠢᠯ ᠢ ᠳᠡᠮᠵᠢᠬᠦ ᠵᠡᠷᠭᠡ ᠦᠢᠯᠡᠰ ᠲᠤ ᠪᠡᠯᠡ ᠤᠷᠤᠭᠤᠯᠬᠤ ᠶᠢ ᠵᠤᠷᠢᠭᠵᠢᠭᠤᠯᠵᠤ᠂ ᠠᠳᠠᠯ ᠠᠬᠤᠢ ᠶᠢᠨ | ᠬᠠᠮᠢᠶᠠᠷᠤᠯᠳᠠ ᠪᠠ ᠭᠡᠷ ᠤᠨ ᠶᠠᠪᠤᠳᠠᠯ ᠤᠨ ᠥᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ | ︵ᠲᠠᠪᠤ︶ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠦᠷᠭᠦᠯᠵᠢᠯᠡᠨ ᠲᠦᠯᠬᠢᠨ | ᠠᠬᠢᠭᠤᠯᠵᠤ᠂ ᠬᠦᠭᠵᠢᠯᠳᠠ ᠶᠢᠨ ᠳᠠᠯᠳᠠ ᠬᠦᠴᠦᠨ ᠢ ᠪᠤᠵᠠᠭᠠᠶᠢᠷᠠᠭᠤᠯᠬᠤ ᠳᠤ ᠰᠢᠨ᠎ᠡ ᠲᠤᠯᠭᠠᠭᠤᠷᠢ ᠶᠢ ᠪᠤᠢ | ᠪᠤᠯᠭᠠᠨ᠎ᠠ᠃ | ᠪᠦᠬᠦ ᠬᠥᠴᠤ ᠪᠠᠷ ᠢᠶᠠᠨ ᠪᠡᠯᠡ ᠬᠤᠷᠠᠮᠳᠤᠭᠤᠯᠵᠤ ᠲᠦᠷᠦᠯ ᠵᠦᠢᠯ ᠢ ᠡᠷᠢᠯᠬᠢᠯᠡᠨ᠎ᠡ᠃ ᠤᠯᠤᠰ ᠪᠠ ᠦᠪᠡᠷᠳᠡᠭᠡᠨ | ᠵᠠᠰᠠᠬᠤ ᠤᠷᠤᠨ ᠤ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ᠂ ᠠᠵᠤ ᠦᠢᠯᠡᠰ ᠤᠨ ᠬᠠᠨᠳᠤᠯᠭ᠎ᠠ ᠪᠠᠶᠢᠳᠠᠯ᠂ | ᠪᠡᠯᠡ ᠤᠷᠤᠭᠤᠯᠤᠯᠳᠠ ᠶᠢᠨ ᠭᠤᠤᠯᠳᠠᠯᠭ᠎ᠠ ᠶᠢ ᠵᠦᠪ ᠤᠨᠤᠪᠴᠢᠳᠠᠢ ᠠᠳᠬᠤᠨ ᠡᠵᠡᠮᠰᠢᠵᠤ᠂ ᠨᠢᠭᠡ ᠪᠦᠯᠦᠭ ᠰᠠᠭᠤᠷᠢ | ᠨᠥᠬᠦᠴᠡᠯ ᠰᠠᠶᠢᠨ᠂ ᠲᠤᠳᠠᠭᠳᠠᠯ ᠲᠠᠢ ᠲᠠᠯ᠎ᠠ ᠶᠢ ᠨᠦᠬᠦᠪᠦᠷᠢᠯᠡᠵᠤ ᠴᠢᠳᠠᠬᠤ ᠲᠦᠷᠦᠯ ᠵᠦᠢᠯ ᠢ ᠬᠦᠮᠦᠷᠭᠡᠯᠡᠨ | ᠪᠡᠯᠡᠳᠬᠡᠵᠤ᠂ ᠳᠡᠭᠡᠷ᠎ᠡ ᠱᠠᠳᠤᠨ ᠤ ᠲᠤᠰᠬᠠᠢ ᠪᠡᠯᠡ ᠮᠦᠩᠭᠦᠨ ᠤ ᠨᠦᠬᠦᠪᠦᠷᠢ ᠶᠢ 10 ᠳ᠋ᠦᠩᠰᠢᠭᠤᠷ ᠲᠥᠭᠦᠷᠢᠭ | ᠠᠴᠠ ᠢᠯᠡᠬᠦᠤ ᠴᠢᠷᠮᠠᠶᠢᠨ ᠣᠯᠵᠣ᠂ ᠰᠢᠨ᠎ᠡ ᠪᠠᠷ 20 ᠲᠦᠷᠦᠯ ᠵᠦᠢᠯ ᠢ ᠬᠦᠮᠦᠷᠭᠡᠯᠡᠨ ᠪᠡᠯᠡᠳᠬᠡᠨ᠎ᠡ᠃ | ᠬᠦᠬᠡᠮᠦ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠦᠷᠡᠨ ᠤ ᠭᠤᠷᠪᠠᠯᠵᠢᠨ ᠬᠤᠶᠢᠭ᠂ ᠪᠡᠭᠡᠵᠢᠩ ᠲᠢᠶᠠᠨᠵᠢᠨ | ᠡᠾᠧᠪᠸᠢ ᠵᠡᠷᠭᠡ ᠭᠠᠵᠠᠷ ᠤᠷᠤᠨ ᠤ ᠠᠵᠤ ᠠᠬᠤᠶᠢᠯᠠᠯ ᠤᠳ ᠤᠨ ᠳᠤᠲᠤᠷ᠎ᠠ ᠤᠷᠤᠨ ᠳᠤ ᠰᠢᠯᠵᠢᠬᠦ ᠠᠰᠢᠭᠳᠠᠢ | ᠲᠤᠬᠢᠶᠠᠯ ᠢ ᠠᠰᠢᠭᠯᠠᠨ᠂ ᠨᠢᠭᠡ ᠪᠦᠯᠦᠭ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠭᠰᠠᠨ᠂ ᠨᠦᠬᠦᠪᠦᠷᠢᠯᠡᠭᠰᠡᠨ᠂ | ᠬᠦᠴᠦᠷᠭᠡᠭᠵᠢᠭᠦᠯᠦᠭᠰᠡᠨ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠤᠷᠢᠨ ᠠᠪᠴᠢᠷᠠᠵᠤ᠂ ᠪᠠᠯ ᠴᠢᠯᠠᠭᠤ᠂ | ᠴᠢᠯᠠᠭᠤᠨ ᠲᠤᠰᠤ᠂ ᠡᠯᠡᠰᠦᠨ ᠤ ᠠᠵᠤ ᠦᠢᠯᠡᠰ᠂ ᠴᠡᠪᠡᠷ ᠡᠨᠧᠷᠬᠢ᠂ ᠰᠣᠶᠣᠯ ᠵᠢᠭᠤᠯᠴᠢᠯᠠᠯ᠂ ᠮᠤᠩᠭᠤᠯ ᠬᠢᠲᠠᠳ | ᠡᠮ ᠡᠮᠨᠡᠯᠭᠡ ᠶᠢᠨ ᠡᠷᠡᠬᠦᠯᠵᠢᠯ ᠪᠠ ᠨᠠᠰᠣᠵᠢᠯ ᠵᠡᠷᠭᠡ ᠠᠵᠤ ᠥᠢᠯᠡᠰ ᠢ ᠠᠯᠠᠱᠠ ᠵᠡᠭᠦᠨ ᠬᠤᠰᠢᠭᠤᠨ ᠤ ᠠᠵᠤ ᠠᠬᠤᠢ | ᠶᠢᠨ ᠬᠦᠭᠵᠢᠯᠳᠠ ᠳᠠᠬᠢ ᠰᠢᠨ᠎ᠡ ᠬᠢᠯᠠᠰ ᠴᠡᠭ ᠪᠤᠯᠭᠠᠨ᠎ᠠ᠃ | ᠪᠦᠬᠦ ᠬᠥᠴᠤ ᠪᠠᠷ ᠢᠶᠠᠨ ᠪᠡᠯᠡ ᠤᠷᠤᠭᠤᠯᠤᠯᠳᠠ ᠶᠢᠨ ᠦᠷ᠎ᠡ ᠠᠰᠢᠭ ᠢ ᠦᠷᠭᠡᠳᠬᠡᠨ᠎ᠡ᠃ ᠰᠠᠨᠠᠭᠠᠴᠢᠯᠠᠭ᠎ᠠ ᠲᠠᠢ ᠪᠠᠷ | ᠵᠤᠬᠢᠴᠠᠭᠤᠯᠤᠨ᠂ ᠰᠠᠶᠢᠳᠤᠷ ᠥᠢᠯᠡᠴᠢᠯᠡᠵᠤ᠂ ᠠᠷᠠᠯᠵᠢᠶᠠᠴᠢᠨ ᠤᠷᠢᠵᠤ ᠪᠡᠯᠡ ᠤᠷᠤᠭᠤᠯᠬᠤ ᠲᠦᠷᠦᠯ ᠵᠦᠢᠯ ᠤᠨ | ᠬᠡᠯᠡᠯᠴᠠᠭᠡᠷ ᠲᠤᠭᠳᠠᠭᠠᠬᠤ ᠬᠦᠴᠦᠯᠡᠴᠠ ᠪᠠᠨ ᠰᠠᠶᠢᠳᠤᠷ ᠠᠳᠬᠤᠵᠤ᠂ ᠲᠦᠷᠦᠯ ᠵᠦᠢᠯ ᠢ ᠡᠷᠳᠡ ᠨᠢᠭᠡᠨ ᠡᠳᠦᠷ | ᠪᠡᠶᠡᠯᠡᠬᠦᠯᠬᠦ ᠪᠠᠷ ᠴᠢᠷᠮᠠᠶᠢᠨ᠎ᠠ᠃ ᠬᠤᠰᠢᠭᠤᠨ ᠤ ᠤᠳᠤᠷᠢᠳᠤᠯᠭ᠎ᠠ ᠠᠴᠠ ᠲᠦᠷᠦᠯ ᠵᠦᠢᠯ ᠢ ᠳᠠᠭᠠᠭᠠᠴᠢᠯᠠᠬᠤ | ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠤ᠂ ᠭᠤᠤᠯᠳᠠᠯᠭ᠎ᠠ ᠲᠠᠢ ᠲᠦᠷᠦᠯ ᠵᠦᠢᠯ ᠳᠤ ᠬᠠᠷᠠᠯᠲᠠ ᠲᠤᠬᠲᠠᠭᠠᠨ᠂ | ᠲᠤᠭᠲᠠᠭᠰᠠᠨ ᠬᠤᠭᠤᠴᠠᠭᠠᠨ ᠳᠤ ᠵᠠᠷᠯᠠᠨ ᠨᠡᠶᠢᠳᠡᠯᠡᠵᠤ᠂ ᠮᠦᠷᠳᠡᠨ ᠨᠠᠶᠢᠳᠠᠪᠤᠷᠢᠵᠢᠭᠤᠯᠤᠨ᠂ 56 ᠭᠤᠤᠯᠳᠠᠯᠭ᠎ᠠ | ᠲᠠᠢ ᠪᠦᠲᠦᠭᠡᠨ ᠪᠠᠶᠢᠭᠤᠯᠤᠯᠳᠠ ᠶᠢᠨ ᠲᠦᠷᠦᠯ ᠵᠦᠢᠯ ᠤᠨ ᠡᠷᠳᠡ ᠡᠬᠢᠯᠡᠨ᠂ ᠡᠷᠳᠡ ᠪᠦᠲᠦᠭᠡᠨ ᠪᠠᠶᠢᠭᠤᠯᠵᠤ᠂ | ᠡᠷᠳᠡ ᠠᠰᠢᠬᠯᠠᠯᠳᠠ ᠳᠤ ᠤᠷᠤᠬᠤ ᠶᠢ ᠪᠠᠲᠤᠯᠠᠵᠤ᠂ 91 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠶᠢ | ᠬᠥᠢᠴᠡᠳᠬᠡᠨᠠ᠃ | ᠪᠦᠬᠦ ᠬᠥᠴᠤ ᠪᠠᠷ ᠢᠶᠠᠨ ᠡᠯ᠎ᠡ ᠵᠥᠢᠯ ᠤᠨ ᠪᠠᠳᠤᠯᠠᠭᠠᠨ ᠤ ᠠᠵᠢᠯ ᠢ ᠰᠠᠶᠢᠳᠤᠷ ᠬᠢᠨ᠎ᠡ᠃ ᠰᠢ ᠶᠢᠨ ᠫᠢᠩ ᠶᠡᠷᠦᠩᠬᠡᠢ | ᠱᠦᠵᠢ ᠶᠢᠨ ᠬᠤᠪᠢ ᠶᠢᠨ ᠠᠵᠤ ᠠᠬᠤᠶᠢᠯᠠᠯᠳᠠᠳ ᠲᠠᠢ ᠬᠢᠭᠰᠡᠨ ᠰᠠᠭᠤᠳᠠᠯ ᠤᠨ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠤᠷᠢᠭ ᠰᠠᠨᠠᠭ᠎ᠠ ᠪᠠ ᠦᠪᠡᠷᠳᠡᠭᠡᠨ ᠵᠠᠰᠠᠬᠤ ᠤᠷᠤᠨ ᠤ ︽ᠬᠤᠪᠢ ᠶᠢᠨ ᠠᠵᠤ ᠠᠬᠤᠢ ᠶᠢ ᠴᠢᠨᠠᠷᠯᠢᠭ | ᠬᠥᠭᠵᠢᠬᠦᠯᠬᠦ ᠲᠤᠬᠠᠢ ᠬᠡᠳᠤᠨ ᠠᠷᠭ᠎ᠠ︾ ᠶᠢᠨ 26 ᠵᠤᠷᠪᠤᠰ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠎ᠠ᠃ | ᠬᠤᠪᠢ ᠶᠢᠨ ᠠᠵᠤ ᠠᠬᠤᠶᠢᠯᠠᠯ ᠢ ᠶᠡᠬᠡᠪᠠᠷ ᠭᠥᠭᠵᠢᠬᠦᠯᠤᠨᠠ᠃ ᠬᠤᠪᠢ ᠶᠢᠨ ᠡᠳ᠋ ᠬᠥᠷᠤᠩᠭᠡ ᠢᠶᠠᠨ ᠠᠰᠢᠭᠯᠠᠨ᠂ | ᠥᠮᠴᠢᠯᠡᠬᠦ ᠡᠷᠬᠡ ᠪᠠᠨ ᠨᠢᠭᠡᠳᠭᠡᠬᠦ ᠪᠠ ᠳᠠᠭᠠᠭᠠᠴᠢᠯᠠᠯᠳᠠ ᠵᠠᠷᠯᠠᠬᠤ ᠬᠤᠯᠪᠤᠭᠠᠳᠤ ᠴᠤᠭᠴᠠ ᠪᠣᠯᠬᠤ ᠠᠷᠭ᠎ᠠ ᠪᠠᠷ | ᠵᠠᠰᠠᠭ ᠤᠨ ᠤᠷᠳᠥᠨ ᠪᠠ ᠨᠡᠶᠢᠬᠡᠮ ᠤᠨ ᠡᠳ᠋ ᠬᠥᠷᠥᠩᠭᠡ ᠶᠢᠨ ᠬᠠᠮᠳᠤᠷᠠᠯᠴᠠᠭᠠᠨ ᠤ ᠲᠥᠷᠤᠯ ᠵᠥᠢᠯ ᠳᠤ | ᠤᠷᠤᠯᠴᠠᠬᠤ ᠶᠢ ᠵᠤᠷᠢᠭᠵᠢᠭᠤᠯᠤᠨ᠎ᠠ᠃ ᠠᠵᠤ ᠠᠬᠤᠶᠢᠯᠠᠯ ᠤᠨ ᠭᠠᠶᠢᠯᠢ ᠶᠢ ᠪᠠᠭᠠᠰᠬᠠᠵᠤ ᠬᠡᠯᠲᠦᠷᠢᠬᠦᠯᠬᠦ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠲᠠᠢ ᠬᠤᠯᠪᠤᠭᠳᠠᠭᠰᠠᠨ ᠰᠦᠢᠳᠬᠡᠯ᠂ ᠡᠨᠧᠷᠬᠢ ᠠᠰᠢᠭᠯᠠᠬᠤ | ᠂ ᠠᠵᠢᠯᠳᠠᠨ ᠬᠡᠷᠡᠭᠯᠡᠬᠦ᠂ ᠪᠤᠳᠠᠰ ᠤᠨ ᠬᠥᠢᠯᠭᠡᠭᠡ ᠵᠡᠷᠭᠡ ᠶᠢᠨ ᠦᠪᠡᠷ ᠤᠨ ᠦᠷᠲᠡᠭ ᠢ ᠨᠢ ᠪᠠᠭᠤᠷᠠᠭᠤᠯᠤᠨ᠎ᠠ᠃ ︽ | ᠵᠠᠰᠠᠭ ᠤᠨ ᠤᠷᠳᠤᠨ᠂ ᠪᠠᠩᠬᠢ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ᠂ ᠠᠰᠢᠬᠯᠠᠭᠠᠳᠦᠢ ᠭᠠᠵᠠᠷ ᠰᠢᠷᠤᠢ ᠶᠢ | ᠠᠰᠢᠭᠯᠠᠯᠳᠠ ᠳᠤ ᠤᠷᠤᠭᠤᠯᠬᠤ ᠠᠵᠢᠯ ᠢ ᠴᠢᠩᠭᠠᠳᠬᠠᠵᠤ᠂ ︽ᠪᠡᠯᠡ ᠬᠤᠷᠠᠮᠳᠤᠭᠤᠯᠬᠤ ᠪᠠ ᠭᠠᠵᠠᠷ ᠠᠰᠢᠭᠯᠠᠬᠤ ᠳᠤ | ᠬᠦᠴᠢᠷ︾ ᠪᠠᠶᠢᠬᠤ ᠠᠰᠠᠭᠤᠳᠠᠯ ᠢ ᠰᠠᠶᠢᠳᠦᠷ ᠰᠢᠢᠳᠪᠦᠷᠢᠯᠡᠨ᠎ᠡ᠃ ᠦᠢᠯᠡᠴᠢᠯᠡᠭᠡ ᠶᠢ ᠶᠠᠭᠤᠨ ᠤ ᠲᠡᠷᠢᠬᠦᠨ ᠳᠤ | ᠲᠠᠯᠪᠢᠬᠤ ᠶᠢ ᠪᠠᠷᠢᠮᠲᠠᠯᠠᠵᠤ᠂ ᠠᠵᠤ ᠠᠬᠤᠶᠢᠯᠠᠯᠳᠠᠳ ᠠᠴᠠ ᠪᠦᠬᠦ ᠬᠤᠰᠢᠭᠤᠨ ᠤ ᠬᠤᠪᠢ ᠶᠢᠨ ᠠᠵᠤ ᠠᠬᠤᠶᠢᠯᠠᠯ | ᠤᠨ ᠰᠠᠭᠤᠳᠠᠯ ᠤᠨ ᠬᠤᠷᠠᠯ ᠳᠡᠭᠡᠷ᠎ᠡ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠢ ᠰᠤᠳᠤᠯᠤᠨ ᠶᠠᠷᠢᠯᠴᠠᠵᠤ | ᠰᠢᠢᠳᠪᠦᠷᠢᠯᠡᠨ ᠦᠭᠴᠦ᠂ ᠬᠤᠪᠢ ᠶᠢᠨ ᠠᠵᠤ ᠠᠬᠤᠢ ᠳᠤ ᠨᠡᠩ ᠰᠠᠶᠢᠳᠤᠷ ᠬᠦᠭᠵᠢᠯᠳᠠ ᠶᠢᠨ ᠤᠷᠴᠢᠨ ᠢ ᠬᠠᠩᠭᠠᠨ᠎ᠠ | ᠃ | ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ | ᠨᠤᠭᠤᠭᠠᠷᠠᠭᠤᠯᠤᠨ ᠬᠥᠭᠵᠢᠬᠦᠯᠬᠦ ᠲᠠᠯ᠎ᠠ ᠪᠠᠷ ᠰᠢᠨ᠎ᠡ ᠪᠦᠲᠦᠮᠵᠢ ᠣᠯᠣᠨ᠎ᠠ | ᠠᠮᠢ ᠠᠬᠤᠢ ᠶᠢᠨ ᠴᠢᠨᠠᠷᠯᠢᠭ ᠬᠥᠷᠥᠩᠭᠡ ᠶᠢ ᠨᠡᠮᠡᠭᠳᠡᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠬᠤᠷᠢᠭ᠎ᠠ | ᠱᠤᠭᠤᠮ ᠢ ᠲᠣᠭᠲᠠᠭᠠᠬᠤ ᠠᠵᠢᠯ ᠢ ᠲᠦᠷᠭᠡᠳᠬᠡᠨ ᠠᠬᠢᠭᠤᠯᠵᠤ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠪᠣᠯᠣᠨ | ᠬᠤᠲᠠ ᠪᠠᠯᠭᠠᠰᠤᠨ ᠤ ᠬᠢᠵᠠᠭᠠᠷ ᠱᠤᠭᠤᠮ ᠤᠨ ᠨᠡᠭᠡᠭᠡᠨ ᠠᠰᠢᠭᠯᠠᠯᠳᠠ ᠶᠢ ᠴᠢᠩᠭ᠎ᠠ ᠬᠢᠵᠠᠭᠠᠷᠯᠠᠨ᠎ᠠ᠃ ᠮᠠᠯᠵᠢᠬᠤ ᠶᠢ | ᠵᠣᠭᠰᠣᠭᠠᠨ ᠪᠡᠯᠴᠢᠭᠡᠷ ᠰᠡᠷᠭᠦᠭᠡᠬᠦ᠂ ᠪᠠᠶᠢᠭᠠᠯᠢᠯᠢᠭ ᠣᠢ ᠶᠢᠨ ᠬᠠᠮᠠᠭᠠᠯᠠᠯᠲᠠ᠂ ᠭᠤᠣᠯᠳᠠᠯᠭᠠᠲᠤ ᠤᠢ ᠶᠢᠨ | ᠬᠠᠮᠠᠭᠠᠯᠠᠯᠳᠠ ᠵᠡᠷᠭᠡ ᠴᠢᠬᠤᠯᠠ ᠠᠮᠢ ᠠᠬᠤᠢ ᠶᠢᠨ ᠪᠠᠶᠢᠭᠤᠯᠤᠯᠲᠠ ᠪᠠ ᠰᠡᠷᠭᠦᠭᠡᠬᠦ ᠢᠨᠵᠧᠨᠧᠷᠢᠩ ᠢ ᠰᠠᠶᠢᠲᠤᠷ | ᠭᠡᠷᠡᠭᠵᠢᠬᠦᠯᠵᠣ᠂ ᠬᠥᠮᠥᠨ ᠤ ᠬᠦᠴᠦ ᠪᠠᠷ 35 ᠲᠦᠮᠡᠨ ᠮᠦ᠂ ᠨᠢᠰᠭᠡᠯ ᠢᠶᠠᠷ 22 ᠲᠦᠮᠡᠨ ᠮᠦ ᠣᠶᠢᠵᠢᠭᠤᠯᠵᠤ᠂ 2. | 1 ᠲᠦᠮᠡᠨ ᠮᠦ ᠣᠢ ᠰᠢᠭᠤᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠬᠦᠯᠵᠣ᠂ ᠭᠤᠣᠯᠳᠠᠯᠭᠠᠲᠤ ᠪᠦᠰᠡ ᠶᠢ 2 ᠲᠦᠮᠡᠨ | ᠮᠦ ᠨᠤᠭᠤᠭᠠᠷᠠᠭᠤᠯᠵᠤ᠂ ᠠᠯᠪᠠᠨ ᠵᠢᠷᠤᠮ ᠢᠶᠠᠷ 50 ᠲᠦᠮᠡᠨ ᠰᠠᠤᠷᠢ ᠮᠣᠳᠦ ᠰᠠᠭᠤᠯᠭᠠᠨ᠂ ᠵᠠᠭᠲᠤ ᠭᠠᠴᠠᠭᠠᠨ ᠤ | ᠤᠯᠤᠰ ᠤᠨ ᠬᠤᠷᠢᠭ᠎ᠠ ᠲᠠᠢ ᠬᠠᠮᠠᠭᠠᠯᠠᠯᠲᠠ ᠶᠢᠨ ᠤᠷᠤᠨ ᠤ ᠲᠥᠷᠥᠯ ᠵᠦᠢᠯ ᠢ ᠡᠬᠢᠯᠡᠭᠦᠯᠬᠦ ᠪᠠᠷ ᠴᠢᠷᠮᠠᠶᠢᠵᠤ᠂ ᠣᠢ | ᠰᠢᠭᠤᠢ ᠶᠢᠨ ᠪᠦᠷᠬᠦᠴᠡ ᠶᠢᠨ ᠨᠣᠷᠮ᠎ᠠ ᠪᠣᠯᠣᠨ ᠨᠤᠲᠤᠭ ᠪᠡᠯᠴᠢᠭᠡᠷ ᠤᠨ ᠤᠷᠭᠤᠮᠠᠯ ᠤᠨ ᠬᠤᠴᠢᠯᠭ᠎ᠠ ᠶᠢᠨ ᠬᠤᠤᠰ | ᠨᠡᠮᠡᠭᠳᠡᠯ ᠢ ᠠᠬᠢᠭᠤᠯᠤᠨ᠎ᠠ᠃ | ᠪᠤᠬᠢᠷᠳᠤᠯ ᠥᠭᠡᠢ ᠠᠮᠢ ᠠᠬᠤᠢ ᠶᠢᠨ ᠠᠵᠤ ᠠᠬᠤᠢ ᠶᠢ ᠬᠥᠭᠵᠢᠭᠦᠯᠦᠨ᠎ᠡ᠃ ᠠᠮᠢ ᠠᠬᠤᠢ ᠶᠢᠨ ᠴᠢᠳᠠᠮᠵᠢ ᠶᠢᠨ ᠤᠷᠤᠨ | ᠳᠤ ᠣᠷᠣᠬᠤ ᠶᠢ ᠬᠢᠵᠠᠭᠠᠷᠯᠠᠭᠰᠠᠨ ᠠᠵᠤ ᠦᠢᠯᠡᠰ ᠤᠨ ᠵᠢᠭᠰᠠᠭᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ | ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠪᠠ ᠴᠡᠪᠡᠷ ᠡᠨᠧᠷᠭᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠥᠪᠥᠷ ᠮᠣᠩᠭᠤᠯ ᠤᠨ ᠠᠯᠠᠱᠠ ᠠᠭᠤᠯᠠᠨ ᠤ ᠤᠯᠤᠰ ᠤᠨ ᠣᠢ ᠰᠢᠭᠤᠢ ᠶᠢᠨ ᠴᠡᠴᠡᠷᠯᠢᠭ ᠢ ᠬᠠᠮᠠᠭᠠᠯᠠᠨ ᠠᠰᠢᠬᠯᠠᠬᠤ | ᠲᠦᠷᠦᠯ ᠵᠦᠢᠯ ᠢ ᠲᠦᠷᠭᠡᠳᠬᠡᠨ ᠠᠬᠢᠭᠤᠯᠤᠨ᠎ᠠ᠃ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠭᠠᠵᠠᠷ ᠣᠷᠣᠨ ᠤ | ᠲᠥᠯᠥᠭᠡᠯᠡᠬᠦ ᠨᠡᠷᠡᠳᠤ ᠳᠡᠮᠳᠡᠭ ᠲᠤ ᠰᠠᠭᠤᠷᠢᠯᠠᠨ᠂ ᠠᠵᠤ ᠤᠶᠢᠯᠡᠰ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ | ᠲᠦᠷᠭᠡᠳᠬᠡᠵᠦ᠂ ᠣᠢ ᠰᠢᠭᠤᠢ ᠪᠠ ᠡᠯᠡᠰᠦᠨ ᠤ ᠦᠢᠯᠡᠰ ᠢ ᠡᠷᠴᠢᠮᠲᠡᠢ ᠬᠥᠭᠵᠢᠬᠦᠯᠤᠨ᠂ ᠡᠯᠡᠰᠦ ᠶᠢ ᠬᠤᠷᠢᠭᠯᠠᠵᠤ | ᠡᠯᠡᠰᠦ ᠶᠢ ᠵᠠᠰᠠᠬᠤ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠬᠦᠭᠵᠢᠯᠳᠠ ᠪᠤᠯᠤᠨ ᠠᠮᠢ ᠠᠬᠤᠢ ᠶᠢᠨ | ᠪᠠᠶᠢᠭᠤᠯᠤᠯᠳᠠ ᠶᠢᠨ ᠬᠠᠷᠢᠯᠴᠠᠨ ᠠᠰᠢᠬᠳᠠᠢ ᠪᠠᠶᠢᠬᠤ ᠶᠢ ᠪᠡᠶᠡᠯᠡᠭᠦᠯᠦᠨ᠎ᠡ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠴᠢᠩᠭᠠᠷᠠᠭᠤᠯᠤᠨ᠎ᠠ᠃ ᠠᠮᠢ ᠠᠬᠤᠢ ᠶᠢᠨ ᠤᠷᠴᠢᠨ ᠢ | ᠬᠤᠬᠢᠷᠠᠭᠤᠯᠤᠭᠰᠠᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ ᠬᠡᠷᠡᠭᠵᠢᠭᠦᠯᠵᠤ᠂ ᠤᠳᠤᠷᠢᠳᠬᠤ ᠺᠡᠳ᠋ᠷ ᠤᠨ | ᠲᠤᠰᠢᠶᠠᠯ ᠰᠢᠯᠵᠢᠬᠦ ᠳᠤ ᠪᠠᠶᠢᠭᠠᠯᠢ ᠶᠢᠨ ᠡᠬᠢ ᠪᠠᠶᠠᠯᠢᠭ ᠤᠨ ᠲᠤᠬᠠᠢ ᠬᠢᠨᠠᠨ ᠪᠤᠳᠤᠯᠲᠠ ᠶᠢ ᠨᠠᠶᠢᠳᠠᠪᠤᠷᠢᠵᠢᠭᠤᠯᠤᠨ᠎ᠠ᠃ | ᠬᠤᠶᠠᠳᠤᠭᠠᠷ ᠤᠳᠠᠭᠠᠨ ᠤ ᠪᠦᠬᠦ ᠤᠯᠤᠰ ᠤᠨ ᠪᠤᠬᠢᠷᠳᠤᠯ ᠤᠨ ᠡᠬᠢ ᠶᠢᠨ ᠨᠡᠶᠢᠳᠡᠮ ᠪᠠᠶᠢᠴᠠᠭᠠᠯᠳᠠ᠂ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠭᠠᠵᠠᠷ ᠰᠢᠷᠤᠢ ᠶᠢᠨ ᠪᠠᠶᠢᠴᠠᠭᠠᠯᠳᠠ ᠶᠢᠨ ᠬᠠᠮᠢᠶ᠎ᠠ ᠪᠥᠬᠦᠢ ᠠᠵᠢᠯ ᠢ | ᠪᠡᠶᠡᠯᠡᠭᠦᠯᠵᠤ᠂ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠳᠤ ᠵᠠᠭᠠᠭ ᠢᠯᠭᠠᠵᠤ ᠲᠡᠮᠳᠡᠭ ᠲᠠᠯᠪᠢᠬᠤ ᠠᠵᠢᠯ ᠢ | ᠪᠡᠶᠡᠯᠡᠭᠦᠯᠦᠨ᠎ᠡ᠃ ᠨᠤᠲᠤᠭ ᠪᠡᠯᠴᠢᠭᠡᠷ ᠤᠨ ᠨᠦᠬᠦᠪᠦᠷᠢ ᠱᠠᠩᠨᠠᠯ ᠪᠠ ᠨᠠᠶᠢᠳᠡ ᠶᠢᠨ ᠠᠰᠢᠬᠳᠦ ᠤᠢ ᠶᠢᠨ ᠠᠮᠢ ᠠᠬᠤᠢ | ᠶᠢᠨ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠤ᠂ ᠮᠠᠯᠵᠢᠬᠤ ᠶᠢ ᠵᠤᠭᠰᠤᠭᠠᠬᠤ ᠤᠷᠤᠨ | ᠪᠠ ᠮᠠᠯ ᠪᠡᠯᠴᠢᠭᠡᠷ ᠢ ᠲᠡᠩᠴᠡᠭᠦᠷᠢᠰᠢᠬᠦᠯᠬᠦ ᠤᠷᠤᠨ ᠤ ᠮᠠᠯ ᠰᠦᠷᠦᠭ ᠢ ᠬᠢᠨᠠᠨ ᠬᠠᠮᠢᠶᠠᠷᠬᠤ ᠬᠦᠴᠦᠯᠡᠴᠠ ᠪᠠᠨ | ᠴᠢᠩᠭᠠᠳᠬᠠᠵᠤ᠂ ᠭᠤᠤᠯ ᠭᠤᠷᠤᠬ᠎ᠠ ᠪᠠ ᠨᠠᠭᠤᠷ ᠴᠥᠬᠦᠷᠤᠮ ᠤᠨ ᠳᠠᠷᠤᠭ᠎ᠠ ᠶᠢᠨ ᠬᠠᠷᠢᠭᠤᠴᠠᠯᠭ᠎ᠠ ᠶᠢ ᠴᠢᠩᠭᠠᠳᠬᠠᠨ᠂ | ᠣᠰᠣᠨ ᠤ ᠡᠬᠢ ᠰᠣᠷᠪᠣᠯᠵᠢ ᠶᠢᠨ ᠡᠷᠡᠰ ᠴᠢᠩᠭ᠎ᠠ ᠬᠠᠮᠠᠭᠠᠯᠠᠯᠳᠠ ᠶᠢᠨ ᠳᠥᠷᠢᠮ ᠢ ᠭᠡᠷᠡᠭᠵᠢᠬᠦᠯᠵᠤ᠂ ᠲᠥᠷᠢᠮ | ᠵᠥᠷᠢᠴᠡᠨ ᠣᠰᠤ ᠭᠡᠷᠡᠭᠯᠡᠬᠦ ᠠᠵᠢᠯᠯᠠᠭ᠎ᠠ ᠳᠤ ᠴᠢᠩᠭ᠎ᠠ ᠴᠤᠬᠢᠯᠳᠠ ᠥᠭᠴᠦ᠂ ᠪᠠᠷᠠᠭᠤᠨ ᠪᠡᠯ ᠤᠨ ᠬᠦᠳᠡᠭᠡ᠂ ᠴᠠᠬᠠᠷ | ᠤᠨ ᠬᠦᠳᠡᠭᠡ᠂ ᠪᠠᠷᠠᠭᠤᠨ ᠬᠦᠳᠡᠭᠡ ᠶᠢᠨ ᠭᠠᠵᠠᠷ ᠳᠤᠤᠷᠠᠬᠢ ᠤᠰᠤᠨ ᠤ ᠲᠡᠩᠴᠡᠭᠦᠷᠢ ᠶᠢ ᠪᠠᠲᠤᠯᠠᠬᠤ ᠶᠢ | ᠠᠬᠢᠭᠤᠯᠤᠨ᠎ᠠ᠃ ᠬᠠᠤᠯᠢ ᠠᠴᠠ ᠵᠥᠷᠢᠴᠡᠵᠤ ᠠᠮᠢ ᠠᠬᠤᠢ ᠶᠢ ᠡᠪᠳᠡᠭᠰᠡᠨ ᠠᠵᠢᠯᠯᠠᠭ᠎ᠠ ᠳᠤ ᠴᠢᠩᠭ᠎ᠠ ᠴᠤᠬᠢᠯᠳᠠ | ᠦᠭᠴᠦ᠂ ᠬᠠᠮᠤᠭ ᠴᠢᠩᠭ᠎ᠠ ᠪᠠᠷ ᠬᠢᠨᠠᠨ ᠬᠠᠮᠢᠶᠠᠷᠬᠤ᠂ ᠬᠠᠮᠤᠭ ᠴᠢᠩᠭ᠎ᠠ ᠪᠠᠷ ᠶᠠᠯᠠᠳᠠᠨ ᠰᠢᠳᠬᠡᠬᠦ᠂ ᠬᠠᠮᠤᠭ ᠴᠢᠩᠭ᠎ᠠ | ᠪᠠᠷ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ᠪᠠᠷ ᠠᠮᠢ ᠠᠬᠤᠢ ᠶᠢᠨ ᠤᠷᠴᠢᠨ ᠤ ᠠᠮᠤᠷ ᠲᠦᠪᠰᠢᠨ ᠢ ᠪᠠᠲᠤᠯᠠᠨ᠎ᠠ᠃ | ︵ᠳᠤᠯᠤᠭ᠎ᠠ︶ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠪᠠᠨ ᠦᠷᠭᠦᠯᠵᠢᠯᠡᠨ ᠠᠬᠢᠭᠤᠯᠵᠤ᠂ | ᠬᠤᠳᠠ ᠬᠦᠳᠡᠭᠡ ᠶᠢᠨ ᠵᠤᠬᠢᠴᠠᠩᠭᠤᠢ ᠬᠥᠭᠵᠢᠯᠳᠠ ᠳᠤ ᠰᠢᠨ᠎ᠡ ᠦᠷ᠎ᠡ ᠪᠦᠲᠦᠭᠡᠯ ᠭᠠᠷᠭᠠᠨ᠎ᠠ᠃ | ᠬᠤᠳᠠ ᠪᠠᠯᠭᠠᠰᠤᠨ ᠤ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠬᠤᠳᠠ ᠶᠢᠨ ᠪᠦᠲᠦᠭᠡᠨ | ᠪᠠᠶᠢᠭᠤᠯᠤᠯᠳᠠ ᠶᠢᠨ ᠲᠦᠷᠦᠯ ᠵᠦᠢᠯ ᠢ ᠡᠮᠬᠢ ᠴᠡᠭᠴᠡᠳᠠᠢ ᠬᠡᠷᠡᠭᠵᠢᠭᠦᠯᠦᠨ᠎ᠡ᠃ ᠪᠦᠷᠭᠡ ᠤᠷᠤᠨ ᠢ ᠦᠭᠡᠷᠡᠴᠢᠯᠡᠨ | ᠪᠠᠶᠢᠭᠤᠯᠬᠤ ᠬᠦᠴᠦᠯᠡᠴᠠ ᠪᠠᠨ ᠴᠢᠩᠭᠠᠷᠠᠭᠤᠯᠵᠤ᠂ 2000 ᠢᠵᠢ ᠭᠡᠷ ᠪᠠᠶᠢᠰᠢᠩ ᠢ ᠲᠠᠲᠠᠪᠤᠷᠢᠯᠠᠨ ᠬᠤᠷᠢᠶᠠᠵᠤ᠂ | ᠲᠢᠶᠠᠨ ᠢ ᠢ ᠬᠤᠤ᠂ ᠲᠡᠭᠷᠢ ᠵᠡᠷᠭᠡ ᠰᠠᠭᠤᠭᠤᠯᠢ ᠠᠷᠠᠳ ᠤᠨ ᠲᠤᠭᠤᠷᠢᠭ ᠤᠨ ᠪᠠᠶᠢᠭᠤᠯᠤᠯᠳᠠ ᠶᠢ ᠲᠦᠯᠬᠢᠨ | ᠠᠬᠢᠭᠤᠯᠵᠤ᠂ ᠪᠠᠶᠠᠨᠬᠤᠳᠠ ᠶᠢᠨ 11 ᠬᠠᠭᠤᠴᠢᠨ ᠰᠠᠭᠤᠭᠠᠯᠢ ᠠᠷᠠᠳ ᠤᠨ ᠲᠤᠭᠤᠷᠢᠭ ᠢ ᠰᠡᠯᠪᠢᠨ ᠦᠭᠡᠷᠡᠴᠢᠯᠡᠨ᠎ᠡ᠃ | ᠬᠤᠳᠠ ᠶᠢᠨ ᠰᠠᠭᠤᠷᠢ ᠲᠦᠬᠦᠭᠡᠷᠦᠮᠵᠢ ᠶᠢᠨ ᠪᠠᠶᠢᠭᠤᠯᠤᠯᠳᠠ ᠶᠢ ᠲᠡᠭᠦᠯᠳᠡᠷᠵᠢᠭᠦᠯᠵᠤ᠂ ︽ ᠡᠶ᠎ᠡ ᠨᠠᠶᠢᠷᠠᠮᠳᠠᠭᠤ ᠵᠠᠮ︾ | ᠢ ᠨᠡᠪᠳᠡᠷᠡᠬᠦᠯᠵᠤ᠂ ᠰᠢᠯᠢᠨ ᠡᠮᠤᠨ᠎ᠠ ᠵᠠᠮ ᠤᠨ ᠤᠷᠳᠤᠳᠬᠠᠭᠰᠠᠨ ᠬᠡᠰᠡᠭ ᠢ ᠰᠢᠯᠤᠭᠤᠳᠬᠠᠵᠤ᠂ ᠤᠰᠤ ᠪᠠᠷ | ᠴᠡᠪᠡᠷᠯᠡᠳᠡᠭ 10 ᠵᠤᠷᠯᠤᠩ ᠢ ᠰᠢᠨ᠎ᠠ ᠪᠠᠷ ᠪᠣᠶᠣ ᠵᠠᠰᠠᠨ ᠪᠠᠶᠢᠭᠤᠯᠵᠤ᠂ ᠠᠬᠢᠷ ᠴᠡᠴᠡᠭ ᠤᠨ ᠴᠡᠴᠡᠷᠯᠢᠭ ᠵᠡᠷᠭᠡ ᠠᠮᠢ | ᠠᠬᠤᠢ ᠶᠢᠨ ᠦᠵᠡᠮᠵᠢᠳᠦ ᠤᠷᠤᠨ ᠢ ᠦᠷᠭᠦᠯᠵᠢᠯᠡᠨ ᠪᠦᠲᠦᠭᠡᠨ ᠪᠠᠶᠢᠭᠤᠯᠵᠤ᠂ ᠣᠪᠣᠭ᠎ᠠ ᠴᠡᠴᠡᠷᠯᠢᠭ ᠤᠨ ᠦᠶᠡᠷ ᠤᠨ | ᠬᠠᠰᠢᠯᠭ᠎ᠠ ᠶᠢᠨ ᠪᠠᠷᠢᠯᠭ᠎ᠠ ᠶᠢ ᠠᠬᠢᠭᠤᠯᠵᠤ᠂ ᠬᠤᠳᠠ ᠶᠢᠨ ᠪᠠᠷᠠᠭᠤᠨ ᠲᠤᠭᠤᠷᠢᠭ ᠤᠨ ᠨᠢᠭᠡᠳᠦᠯᠳᠡᠢ ᠳᠤᠯᠠᠭᠠᠯᠠᠯᠭ᠎ᠠ | ᠶᠢᠨ ᠬᠤᠭᠤᠯᠡᠢ ᠵᠡᠷᠭᠡ ᠢᠨᠵᠧᠨᠧᠷᠢᠩ ᠤᠨ ᠪᠠᠷᠢᠯᠭ᠎ᠠ ᠶᠢ ᠡᠬᠢᠯᠡᠬᠦᠯᠤᠨ᠎ᠠ᠃ ᠴᠡᠴᠡᠷᠯᠢᠭᠵᠢᠭᠦᠯᠦᠨ ᠨᠤᠭᠤᠭᠠᠷᠠᠭᠤᠯᠬᠤ | ᠪᠠ ᠠᠷᠠᠴᠢᠯᠠᠨ ᠬᠠᠮᠠᠭᠠᠯᠠᠬᠤ ᠠᠷᠭ᠎ᠠ ᠠᠪᠴᠠᠯ ᠢᠶᠠᠨ ᠳᠦᠷᠢᠮᠵᠢᠭᠦᠯᠦᠨ᠂ ᠠᠷᠠᠴᠢᠯᠠᠨ ᠬᠠᠮᠠᠭᠠᠯᠠᠬᠤ ᠭᠤᠤᠯ ᠴᠤᠭᠴᠠ | ᠪᠠ ᠡᠵᠡᠩᠨᠡᠬᠦ ᠬᠡᠯᠪᠡᠷᠢ ᠮᠠᠶ᠋ᠢᠭ ᠢᠶᠠᠨ ᠲᠤᠳᠤᠷᠬᠠᠶᠢᠯᠠᠨ᠎ᠠ᠃ ᠲᠡᠤᠬᠡᠨ ᠲᠤᠷᠠᠰᠬᠠᠯᠳᠤ ᠪᠠᠷᠢᠯᠭ᠎ᠠ᠂ ᠡᠷᠳᠡᠨ ᠤ ᠮᠣᠳᠣ ᠪᠠ | ᠥᠨᠡᠳᠤ ᠮᠣᠳᠣ ᠶᠢ ᠰᠠᠶᠢᠲᠤᠷ ᠬᠠᠮᠠᠭᠠᠯᠠᠵᠤ᠂ ᠪᠥᠬᠦ ᠤᠯᠤᠰ ᠤᠨ ᠪᠤᠯᠪᠠᠰᠤᠨ ᠬᠤᠳᠠ ᠪᠠᠷ ᠤᠳᠤᠷᠢᠳᠤᠨ | ᠳᠠᠭᠠᠭᠤᠯᠤᠭᠰᠠᠨ ︽ ᠵᠢᠷᠭᠤᠭ᠎ᠠ ᠶᠢ ᠪᠥᠷᠢᠯᠳᠥᠬᠦᠯᠦᠭᠰᠡᠨ ᠬᠤᠳᠠ︾ ᠶᠢᠨ ᠪᠠᠶᠢᠭᠤᠯᠤᠯᠳᠠ ᠢ ᠲᠥᠷᠭᠡᠳᠭᠡᠨᠠ᠃ | ᠬᠤᠳᠠ ᠶᠢᠨ ᠬᠠᠮᠢᠶᠠᠷᠤᠯᠳᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠦᠪᠡᠷᠳᠡᠭᠡᠨ ᠵᠠᠰᠠᠬᠤ ᠤᠷᠤᠨ ᠤ ︽ | ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠳᠠ ᠶᠢ ᠭᠦᠨᠵᠡᠭᠡᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ ᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂ ᠬᠤᠳᠠ ᠶᠢᠨ ᠬᠠᠮᠢᠶᠠᠷᠤᠯᠳᠠ ᠪᠠ ᠬᠠᠤᠯᠢ ᠬᠡᠷᠡᠭᠵᠢᠭᠦᠯᠬᠦ ᠪᠠᠶᠢᠭᠤᠯᠤᠮᠵᠢ | ᠶᠢᠨ ᠦᠭᠡᠷᠡᠴᠢᠯᠡᠯᠳᠠ ᠶᠢ ᠭᠦᠨᠵᠡᠭᠡᠶᠢᠷᠡᠭᠦᠯᠦᠨ ᠠᠬᠢᠭᠤᠯᠵᠤ᠂ ᠪᠠᠶᠠᠨᠬᠤᠳᠠ ᠶᠢᠨ ᠬᠤᠳᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠳᠠ ᠶᠢᠨ ᠪᠠᠷᠢᠮᠵᠢᠶ᠎ᠡ ᠶᠢ ᠲᠤᠭᠲᠠᠭᠠᠨ᠂ ᠬᠠᠤᠯᠢ ᠬᠡᠷᠡᠭᠵᠢᠭᠦᠯᠬᠦ ᠶᠡᠷᠦᠩᠬᠡᠢ ᠬᠦᠴᠦᠯᠡᠴᠡ ᠪᠠᠨ | ᠴᠢᠩᠭᠠᠳᠬᠠᠵᠤ᠂ ᠬᠤᠳᠠ ᠶᠢᠨ ᠬᠠᠮᠢᠶᠠᠷᠤᠯᠳᠠ ᠶᠢᠨ ᠳᠥᠷᠢᠮᠵᠢᠯᠳᠠ᠂ ᠵᠢᠷᠤᠮᠵᠢᠯᠳᠠ ᠶᠢ ᠪᠡᠶᠡᠯᠡᠬᠦᠯᠤᠨ᠂ ᠬᠤᠳᠠ ᠶᠢ | ᠬᠠᠮᠢᠶᠠᠷᠤᠨ ᠵᠠᠰᠠᠬᠤ ᠪᠠ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ | ᠰᠠᠭᠤᠷᠢ ᠰᠦᠯᠵᠢᠶᠡᠨ ᠤ ᠪᠠᠶᠢᠭᠤᠯᠤᠯᠳᠠ ᠶᠢ ᠳᠡᠭᠡᠭᠰᠢᠯᠡᠭᠦᠯᠦᠨ᠎ᠡ᠃ ᠪᠠᠶᠠᠨᠬᠤᠳᠠ ᠠᠴᠠ ᠪᠠᠭᠠᠳᠤᠷᠴᠤᠳ ᠤᠨ | ᠴᠤᠭᠯᠠᠭᠠᠨ ᠬᠦᠷᠬᠦ᠂ ᠲᠤᠯᠢ ᠠᠴᠠ ᠳᠡᠷᠡᠰᠣᠨ ᠬᠦᠷᠬᠦ ᠵᠠᠮ ᠢ ᠦᠷᠭᠦᠯᠵᠢᠯᠡᠨ ᠪᠦᠲᠦᠭᠡᠨ ᠪᠠᠶᠢᠭᠤᠯᠵᠤ᠂ ︽ | ᠳᠥᠷᠪᠡ ᠶᠢ ᠪᠥᠷᠢᠯᠳᠥᠭᠦᠯᠤᠭ᠍ᠰᠡᠨ ᠬᠥᠳᠡᠭᠡ ᠲᠤᠰᠬᠤᠨ ᠤ ᠵᠠᠮ ︾ ᠤᠨ ᠠᠵᠢᠯ ᠢ ᠠᠬᠢᠭᠤᠯᠵᠤ᠂ 3 ᠵᠤᠷᠪᠤᠰ ︽ | ᠴᠢᠨᠠᠷ ᠮᠠᠭᠤᠳᠠᠭᠰᠠᠨ ᠳᠤᠰᠤᠨ ᠵᠠᠮ︾ ᠤᠨ ᠲᠥᠷᠤᠯ ᠵᠥᠢᠯ ᠪᠠ ᠠᠵᠤ ᠠᠬᠤᠶᠢᠯᠠᠯ ᠠᠴᠠ ᠥᠪᠡᠷᠰᠡᠳ ᠢᠶᠠᠨ ᠪᠡᠯᠡ | ᠤᠷᠤᠭᠤᠯᠵᠤ ᠬᠥᠳᠡᠭᠡ ᠲᠤᠰᠬᠤᠨ ᠤ ᠵᠠᠰᠠᠮᠠᠯ ᠵᠠᠮ ᠵᠠᠰᠠᠬᠤ ᠶᠢ ᠪᠡᠶᠡᠯᠡᠬᠦᠯᠤᠨ᠎ᠠ᠃ ᠪᠠᠶᠠᠨᠬᠤᠳᠠ ᠶᠢᠨ ᠨᠢᠰᠬᠡᠯ ᠤᠨ | ᠲᠠᠯᠠᠪᠠᠢ ᠶᠢᠨ ᠳᠡᠰ ᠳᠡᠪᠰᠢᠵᠤ ᠰᠠᠯᠪᠤᠷᠢ ᠱᠤᠭᠤᠮ ᠭᠠᠷᠭᠠᠬᠤ ᠪᠠ ᠦᠯᠵᠠᠢ ᠪᠤᠭᠤᠮᠳᠠ ᠶᠢᠨ ᠨᠢᠰᠬᠡᠯ ᠤᠨ ᠲᠠᠯᠠᠪᠠᠢ | ᠶᠢᠨ ᠡᠬᠢᠨ ᠤ ᠬᠤᠭᠤᠴᠠᠭᠠᠨ ᠤ ᠪᠡᠯᠡᠳᠬᠡᠯ ᠠᠵᠢᠯ ᠢ ᠠᠬᠢᠭᠤᠯᠵᠤ᠂ ᠪᠠᠶᠠᠨᠬᠤᠳᠠ ᠠᠴᠠ ᠢᠷᠭᠠᠢ ᠬᠤᠳᠠ ᠬᠥᠷᠬᠦ | ᠲᠥᠷᠭᠡᠨ ᠤ ᠲᠡᠮᠤᠷ ᠵᠠᠮ ᠵᠢᠯ ᠤᠨ ᠲᠤᠳᠤᠷ᠎ᠠ ᠠᠵᠢᠯ ᠡᠬᠢᠯᠡᠬᠦᠯᠬᠦ ᠪᠠᠷ ᠴᠢᠷᠮᠠᠶᠢᠨ᠎ᠠ᠃ ᠪᠠᠶᠠᠨᠬᠤᠳᠠ ᠶᠢᠨ ᠬᠥᠴᠤᠳᠡᠯ | ᠦᠭᠡᠷᠡᠴᠢᠯᠡᠬᠦ ᠲᠦᠪ ᠤᠨ ᠦᠷᠲᠡᠭᠡ ᠶᠢ ᠪᠠᠶᠢᠭᠤᠯᠤᠨ᠂ ᠡᠮᠤᠨ᠎ᠠ ᠭᠤᠤᠯ ᠠᠴᠠ ᠬᠤᠶᠢᠳᠤ ᠭᠤᠤᠯ ᠬᠦᠷᠬᠦ ᠪᠠ ᠰᠢᠯᠢ | ᠭᠤᠤᠯ ᠤᠨ ᠲᠡᠮᠡᠭᠡᠨ ᠲᠠᠯᠠᠪᠠᠢ ᠳᠤ ᠬᠦᠳᠡᠭᠡ ᠲᠤᠰᠬᠤᠨ ᠤ ᠴᠠᠬᠢᠯᠭᠠᠨ ᠲᠤᠤᠷ ᠦᠭᠡᠷᠡᠴᠢᠯᠡᠬᠦ ᠢᠨᠵᠧᠨ᠋ᠷᠢᠩ ᠢ | ᠬᠡᠷᠡᠭᠵᠢᠭᠦᠯᠦᠨ᠎ᠡ᠃ ᠵᠡᠭᠦᠨ ᠪᠡᠯ ᠤᠨ 220 ᠺᠢᠯᠤᠸᠤᠯᠲ᠂ ᠱᠠᠩ ᠤᠨ ᠳᠠᠯᠠᠢ ᠶᠢᠨ 110 ᠺᠢᠯᠤᠸᠤᠯᠲ᠂ | ᠤᠯᠠᠨᠪᠤᠯᠠᠭ ᠤᠨ 35 ᠺᠢᠯᠤᠸᠣᠯᠲ ᠤᠨ ᠬᠦᠴᠦᠳᠡᠯ ᠦᠭᠡᠷᠡᠴᠢᠯᠡᠬᠦ ᠢᠨᠵᠧᠨ᠋ᠷᠢᠩ ᠢ ᠪᠡᠶᠡᠯᠡᠭᠦᠯᠬᠦ ᠪᠠᠷ ᠴᠢᠷᠮᠠᠶᠢᠵᠤ ᠂ | ᠴᠢᠨᠠᠷᠯᠢᠭ ᠬᠦᠭᠵᠢᠯᠳᠠ ᠳᠤ ᠪᠠᠲᠤᠯᠠᠭ᠎ᠠ ᠬᠠᠩᠭᠠᠬᠤ ᠪᠤᠯᠤᠨ᠎ᠠ᠃ | ︵ᠨᠠᠢᠮᠠ︶ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠬᠤ ᠶᠢ ᠦᠷᠭᠦᠯᠵᠢᠯᠡᠨ ᠠᠬᠢᠭᠤᠯᠵᠤ᠂ ᠬᠥᠭᠵᠢᠯᠲᠡ ᠶᠢᠨ | ᠲᠦᠯᠬᠢᠴᠡ ᠪᠠᠨ ᠢᠳᠡᠪᠬᠢᠵᠢᠭᠦᠯᠬᠦ ᠰᠢᠨ᠎ᠡ ᠠᠯᠬᠤᠴᠠ ᠶᠢ ᠡᠬᠢᠯᠡᠭᠦᠯᠦᠨ᠎ᠡ᠃ | ᠭᠤᠣᠯᠳᠠᠯᠭᠠᠲᠤ ᠬᠦᠷᠢᠶ᠎ᠡ ᠴᠠᠷ᠎ᠠ ᠶᠢᠨ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠪᠠᠶᠢᠭᠤᠯᠤᠮᠵᠢ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠡᠭᠦᠯᠳᠡᠷᠵᠢᠭᠰᠡᠨ ᠰᠢᠰᠲ᠋ᠧᠮ ᠲᠠᠢ᠂ ᠰᠢᠨᠵᠢᠯᠡᠬᠦ | ᠤᠬᠠᠭᠠᠨᠴᠢ ᠪᠠᠷ ᠳᠦᠷᠢᠮᠵᠢᠭᠰᠡᠨ᠂ ᠥᠨᠳᠥᠷ ᠪᠦᠲᠦᠮᠵᠢᠲᠡᠢ ᠵᠠᠰᠠᠭ ᠤᠨ ᠰᠠᠯᠠᠭ᠎ᠠ ᠮᠥᠴᠢᠷ ᠤᠨ ᠴᠢᠳᠠᠮᠵᠢ ᠶᠢ | ᠪᠦᠷᠢᠯᠳᠦᠭᠦᠯᠦᠨ᠎ᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠨᠡᠭᠦᠷᠡᠰᠦᠨ ᠤ ᠥᠢᠯᠡᠳᠪᠤᠷᠢᠯᠡᠯ ᠤᠨ ᠬᠥᠴᠤᠨ ᠢ ᠰᠢᠯᠢᠳᠡᠭᠵᠢᠬᠦᠯᠤᠭ᠍ᠰᠡᠨ ᠭᠠᠷᠤᠯᠳᠠ ᠶᠢᠨ ᠬᠡᠮᠵᠢᠶ᠎ᠡ ᠶᠢ 90 ᠲᠤᠨ | ᠳᠤ ᠬᠥᠷᠬᠡᠬᠦ ᠪᠠᠷ ᠲᠤᠭᠳᠠᠭᠤᠨ ᠠᠬᠢᠭᠤᠯᠤᠨ᠎ᠠ᠃ ︽ᠪᠠᠭᠤᠯᠭᠠᠬᠤ ᠬᠠᠮᠢᠶᠠᠷᠬᠤ ᠥᠢᠯᠡᠴᠢᠯᠡᠬᠦ ︾ | ᠥᠭᠡᠷᠡᠴᠢᠯᠡᠯᠲᠡ ᠶᠢᠨ ᠬᠦᠴᠦᠯᠡᠴᠡ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ | ᠪᠠᠶᠢᠭᠤᠯᠤᠨ ᠢᠨᠵᠧᠨᠧᠷᠢᠩ ᠤᠨ ᠪᠥᠳᠤᠭᠡᠨ ᠪᠠᠶᠢᠭᠤᠯᠤᠯᠳᠠ ᠶᠢᠨ ᠲᠥᠷᠣᠯ ᠵᠥᠢᠯ ᠤᠨ ᠵᠥᠪᠰᠢᠶᠡᠷᠡᠯ ᠤᠯᠭᠤᠬᠤ ᠴᠠᠭ | ᠪᠠ ᠠᠵᠤ ᠠᠬᠤᠶᠢᠯᠠᠯ ᠡᠬᠢᠯᠡᠵᠤ ᠡᠷᠬᠢᠯᠡᠬᠦ ᠴᠠᠭ ᠢ ᠶᠡᠬᠡᠪᠠᠷ ᠪᠠᠭᠠᠰᠬᠠᠵᠤ᠂ ︽ ᠥᠨᠡᠮᠯᠡᠯ ᠪᠠ ᠵᠥᠪᠰᠢᠶᠡᠷᠡᠯ ᠤᠨ | ᠪᠢᠴᠢᠭ ᠢ ᠰᠠᠯᠭᠠᠬᠤ︾ ᠶᠢ ᠪᠥᠬᠦ ᠲᠠᠯ᠎ᠠ ᠪᠠᠷ ᠠᠬᠢᠭᠤᠯᠵᠤ᠂ ︽ᠲᠡᠷᠡ ᠳᠠᠷᠤᠢ ᠳᠤᠨᠢ ᠬᠦᠢᠴᠡᠳᠬᠡᠬᠦ᠂ ᠰᠦᠯᠵᠢᠶᠡᠨ | ᠳᠡᠭᠡᠷ᠎ᠡ ᠭᠦᠢᠴᠡᠳᠬᠡᠬᠦ᠂ ᠤᠶᠢᠷ᠎ᠠ ᠬᠠᠪᠢ ᠪᠠᠷ ᠬᠦᠢᠴᠡᠳᠬᠡᠬᠦ᠂ ᠨᠢᠭᠡ ᠯᠡ ᠳᠡᠭᠡᠷ᠎ᠡ ᠭᠦᠢᠴᠡᠳᠬᠡᠬᠦ ︾ ᠠᠵᠢᠯ ᠤᠨ | ᠬᠠᠮᠤᠷᠬᠤ ᠬᠡᠪᠴᠢᠶ᠎ᠡ ᠶᠢ ᠤᠯᠠᠮ ᠥᠷᠭᠡᠳᠬᠡᠵᠦ᠂ ᠣᠯᠠᠨ ᠲᠦᠮᠡᠨ ᠪᠣᠯᠣᠨ ᠠᠵᠤ ᠠᠬᠤᠶᠢᠯᠠᠯ ᠤᠨ ᠠᠵᠢᠯ ᠬᠡᠷᠡᠭ ᠢᠶᠠᠨ | ᠰᠢᠢᠳᠪᠦᠷᠢᠯᠡᠬᠦ ᠳᠤ ᠨᠢ ᠨᠡᠩ ᠳᠥᠭᠦᠮ ᠦᠢᠯᠡᠴᠢᠯᠡᠭᠡ ᠦᠵᠡᠭᠦᠯᠦᠨ᠎ᠡ᠃ ᠤᠯᠤᠰ ᠤᠨ ᠡᠳ᠋ ᠬᠥᠷᠤᠩᠭᠡ ᠪᠠ | ᠣᠯᠣᠰ ᠤᠨ ᠥᠮᠴᠢᠯᠡᠯᠳᠣ ᠠᠵᠤ ᠠᠬᠤᠶᠢᠯᠠᠯ ᠤᠨ ᠥᠭᠡᠷᠡᠴᠢᠯᠡᠯᠲᠡ ᠶᠢ ᠲᠦᠷᠭᠡᠳᠬᠡᠵᠦ᠂ ᠠᠷᠭ᠎ᠠ ᠪᠣᠳᠣᠯᠭ᠎ᠠ ᠶᠢ | ᠰᠦᠪᠡᠭᠴᠢᠯᠡᠵᠦ ᠵᠠᠬ᠎ᠠ ᠳᠡᠯᠭᠡᠭᠦᠷᠴᠢᠯᠡᠬᠦ᠂ ᠠᠰᠢᠭᠯᠠᠭᠳᠠᠭ᠎ᠠ ᠦᠭᠡᠢ ᠣᠯᠣᠰ ᠤᠨ ᠥᠮᠴᠢᠯᠡᠯᠳᠣ ᠡᠳ᠋ ᠬᠥᠷᠥᠩᠭᠡ ᠶᠢ | ᠵᠠᠬ᠎ᠠ ᠳᠡᠯᠭᠡᠭᠦᠷᠴᠢᠯᠡᠨ ᠡᠵᠡᠩᠨᠡᠬᠦ ᠪᠠᠷ ᠴᠢᠷᠮᠠᠶᠢᠵᠤ᠂ ᠡᠳ᠋ ᠬᠥᠷᠥᠩᠭᠡ ᠶᠢᠨ ᠬᠠᠮᠢᠶᠠᠷᠤᠯᠳᠠ ᠶᠢᠨ ᠴᠢᠳᠠᠪᠤᠷᠢ ᠪᠠᠨ | ᠳᠡᠭᠡᠭᠰᠢᠯᠡᠭᠦᠯᠦᠨ᠎ᠡ᠃ ᠵᠠᠰᠠᠭ ᠪᠣᠯᠣᠨ ᠠᠵᠣ ᠠᠬᠤᠶᠢᠯᠠᠯ ᠢ ᠰᠠᠯᠭᠠᠬᠤ᠂ ᠵᠠᠰᠠᠭ ᠪᠣᠯᠣᠨ ᠬᠥᠷᠤᠩᠭᠡ ᠶᠢ ᠰᠠᠯᠭᠠᠬᠤ ᠶᠢ | ᠪᠠᠷᠢᠮᠲᠠᠯᠠᠵᠤ᠂ ᠠᠯᠠᠱᠠ ᠵᠡᠭᠦᠨ ᠬᠤᠰᠢᠭᠤᠨ ᠤ ᠵᠠᠮ ᠬᠠᠷᠢᠯᠴᠠᠭᠠᠨ ᠤ ᠪᠡᠯᠡ ᠣᠷᠣᠭᠤᠯᠬᠤ ᠺᠣᠮᠫᠠᠨᠢ᠂ ᠣᠰᠤᠨ ᠤ | ᠠᠰᠢᠭᠯᠠᠯᠲᠠ ᠶᠢᠨ ᠪᠡᠯᠡ ᠣᠷᠣᠭᠤᠯᠬᠤ ᠺᠣᠮᠫᠠᠨᠢ ᠶᠢ ᠰᠢᠨ᠎ᠡ ᠪᠠᠷ ᠪᠠᠶᠢᠭᠤᠯᠵᠤ᠂ ᠣᠯᠣᠰ ᠤᠨ ᠥᠮᠴᠢᠯᠡᠯᠳᠤ ᠠᠵᠤ | ᠠᠬᠤᠶᠢᠯᠠᠯ ᠤᠨ ᠳᠣᠲᠣᠭᠠᠳᠤ ᠶᠢᠨ ᠬᠠᠮᠢᠶᠠᠷᠤᠯᠲᠠ ᠶᠢᠨ ᠲᠣᠭᠲᠠᠴᠠ ᠶᠢ ᠴᠡᠭᠴᠡᠯᠡᠵᠦ᠂ ᠣᠳᠣᠬᠢᠴᠢᠯᠠᠭᠰᠠᠨ ᠠᠵᠤ | ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠲᠤᠭᠲᠠᠯᠴᠠᠭ᠎ᠠ ᠶᠢ ᠪᠠᠶᠢᠭᠤᠯᠤᠨ᠎ᠠ᠃ | ᠭᠠᠳᠠᠭᠰᠢ ᠪᠠᠨ ᠨᠡᠭᠡᠭᠡᠯᠲᠡ ᠬᠢᠬᠦ ᠪᠠᠨ ᠲᠠᠰᠤᠷᠠᠯᠲᠠ ᠦᠭᠡᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ | ᠪᠣᠯᠣᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠶᠢᠨ ᠠᠵᠢᠯᠯᠠᠭ᠎ᠠ ᠳᠤ | ᠢᠳᠡᠪᠬᠢᠲᠡᠢ ᠪᠠᠷ ᠣᠷᠣᠯᠴᠠᠵᠤ᠂ 4.9 ᠳ᠋ᠦᠩᠰᠢᠭᠤᠷ ᠤᠨ ᠪᠡᠯᠡ ᠣᠷᠣᠭᠤᠯᠬᠤ ᠪᠠᠷ ᠲᠥᠰᠥᠪᠯᠡᠵᠦ᠂ ᠥᠯᠵᠡᠢ | ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠠᠶᠢᠭᠤᠯᠤᠯᠲᠠ ᠶᠢ ᠲᠦᠷᠭᠡᠳᠬᠡᠵᠦ᠂ ᠮᠣᠩᠭᠤᠯ ᠤᠯᠤᠰ ᠤᠨ ᠲᠠᠯ᠎ᠠ | ᠳᠠᠬᠢ ᠬᠠᠮᠳᠤᠷᠠᠨ ᠪᠠᠶᠢᠴᠠᠭᠠᠬᠤ ᠭᠠᠵᠠᠷ ᠢ ᠪᠠᠶᠢᠭᠤᠯᠬᠤ ᠠᠵᠢᠯ ᠢ ᠡᠷᠲᠡᠬᠡᠨ ᠡᠬᠢᠯᠡᠭᠦᠯᠬᠦ ᠪᠠᠷ ᠵᠤᠬᠢᠴᠠᠭᠤᠯᠵᠤ᠂ | ᠤᠮᠠᠷᠠᠰᠢ ᠪᠠᠨ ᠨᠡᠭᠡᠭᠡᠯᠳᠠ ᠬᠢᠬᠦ ᠴᠢᠬᠤᠯᠠ ᠪᠤᠭᠤᠮᠲᠠ ᠶᠢ ᠪᠦᠬᠦ ᠬᠦᠴᠦᠨ ᠢᠶᠠᠷ ᠴᠣᠭᠴᠠᠯᠠᠨ ᠪᠠᠶᠢᠭᠤᠯᠤᠨ᠎ᠠ᠃ | ᠴᠢᠯᠦᠭᠡᠲᠡᠢ ᠶᠠᠪᠤᠯᠴᠠᠵᠤ ᠬᠠᠮᠲᠤᠷᠠᠨ ᠠᠵᠢᠯᠯᠠᠬᠤ ᠰᠢᠨ᠎ᠡ ᠣᠶᠢᠯᠠᠭᠠᠭᠳᠠᠬᠤᠨ ᠢ ᠲᠤᠤᠱᠲᠠᠢ ᠪᠤᠢ ᠪᠣᠯᠭᠠᠵᠤ᠂ | ᠬᠠᠮᠲᠤᠪᠠᠷ ᠠᠷᠠᠯᠵᠢᠶᠠᠯᠠᠬᠤ᠂ ᠬᠠᠮᠲᠤᠪᠠᠷ ᠴᠣᠭᠴᠠᠯᠠᠬᠤ᠂ ᠬᠠᠮᠲᠤᠪᠠᠷ ᠡᠳ᠋ᠯᠡᠬᠦ ᠶᠢ ᠪᠠᠷᠢᠮᠲᠠᠯᠠᠨ᠂ ᠠᠯᠠᠱᠠ ᠶᠢᠨ ᠠᠵᠤ | ᠠᠬᠤᠢ ᠶᠢᠨ ᠳᠡᠭᠡᠳᠦ ᠰᠢᠨᠵᠢᠯᠡᠭᠡ ᠮᠡᠷᠭᠡᠵᠢᠯ ᠤᠨ ᠨᠡᠭᠡᠭᠡᠯᠲᠡ ᠶᠢᠨ ᠣᠷᠣᠨ ᠪᠣᠯᠣᠨ ᠣᠶᠢᠷ᠎ᠠ ᠬᠠᠪᠢ ᠶᠢᠨ ᠭᠠᠵᠠᠷ | ᠤᠷᠤᠨ ᠲᠠᠢ ᠬᠠᠮᠲᠤᠷᠠᠨ ᠠᠵᠢᠯᠯᠠᠬᠤ ᠡᠷᠴᠢᠮ ᠢᠶᠠᠨ ᠴᠢᠩᠭᠠᠳᠬᠠᠵᠤ᠂ ᠠᠵᠤ ᠦᠢᠯᠡᠳᠪᠦᠷᠢᠵᠢᠭᠰᠡᠨ ᠬᠥᠭᠵᠢᠯᠲᠡ᠂ | ᠠᠭᠤᠷᠬᠠᠢ ᠶᠢᠨ ᠡᠬᠢ ᠪᠠᠶᠠᠯᠢᠭ ᠤᠨ ᠨᠠᠷᠢᠯᠢᠭ ᠪᠤᠯᠪᠠᠰᠣᠷᠠᠭᠤᠯᠤᠯᠳᠠ᠂ ᠠᠮᠢ ᠠᠬᠤᠢ ᠶᠢᠨ ᠣᠷᠴᠢᠨ ᠪᠣᠯᠣᠨ ᠠᠶᠠᠯᠠᠯ | ᠵᠢᠭᠤᠯᠴᠢᠯᠠᠯ ᠤᠨ ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠳᠠᠯ ᠢᠶᠠᠨ | ᠨᠥᠬᠦᠪᠤᠷᠢᠯᠡᠨ᠂ ᠬᠠᠮᠳᠤᠷᠠᠯᠴᠠᠨ ᠰᠢᠨ᠎ᠡ ᠶᠢ ᠡᠭᠦᠳᠴᠦ᠂ ᠤᠷᠤᠨ ᠪᠥᠰᠡ ᠶᠢᠨ ᠬᠠᠮᠲᠤ ᠶᠢᠨ ᠠᠵᠢᠯᠯᠠᠭᠠᠨ ᠤ | ᠨᠥᠬᠦᠴᠡᠯ ᠪᠠᠶᠢᠳᠠᠯ ᠢ ᠪᠣᠢ ᠪᠣᠯᠭᠠᠨ᠎ᠠ᠃ | ︵ᠶᠢᠰᠦ︶ ᠨᠡᠶᠢᠭᠡᠮ ᠤᠨ ᠠᠷᠠᠳ ᠤᠨ ᠠᠮᠢᠳᠤᠷᠠᠯ ᠤᠨ ᠦᠢᠯᠡᠰ ᠤᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ | ᠠᠷᠠᠳ ᠲᠦᠮᠡᠨ ᠤ ᠬᠦᠷᠳᠡᠭᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ ᠲᠠᠶᠢᠪᠣᠩ | ᠲᠦᠷᠦᠭᠳᠡᠯ ᠢ ᠨᠡᠮᠡᠭᠳᠡᠭᠦᠯᠬᠦ ᠲᠠᠯ᠎ᠠ ᠪᠠᠷ ᠰᠢᠨ᠎ᠡ ᠪᠥᠳᠤᠮᠵᠢ ᠭᠠᠷᠭᠠᠨ᠎ᠠ᠃ | ᠠᠷᠠᠳ ᠤᠨ ᠠᠮᠢᠳᠤᠷᠠᠯ ᠢ ᠴᠢᠬᠤᠯᠠᠴᠢᠯᠠᠨ ᠪᠠᠲᠤᠯᠠᠭ᠎ᠠ ᠲᠠᠢ ᠪᠠᠶᠢᠯᠭᠠᠨ᠎ᠠ᠃ ᠠᠵᠢᠯ ᠣᠯᠭᠤᠬᠤ ᠪᠠ ᠦᠢᠯᠡᠰ | ᠪᠣᠰᠬᠠᠬᠤ ᠨᠥᠬᠦᠴᠡᠯ ᠢ ᠰᠢᠯᠢᠳᠡᠭᠵᠢᠬᠦᠯᠦᠨ᠂ ᠦᠢᠯᠡᠴᠢᠯᠡᠭᠡᠨ ᠤ ᠬᠢᠷᠢ ᠲᠥᠪᠰᠢᠨ ᠢ ᠨᠢ ᠳᠡᠭᠡᠭᠰᠢᠯᠡᠭᠦᠯᠵᠦ᠂ ᠨᠡᠩ | ᠥᠨᠳᠥᠷ ᠴᠢᠨᠠᠷ ᠪᠦᠬᠦᠢ ᠬᠠᠩᠭᠠᠯᠲᠠᠲᠠᠢ ᠠᠵᠢᠯ ᠣᠯᠭᠤᠯᠲᠠ ᠶᠢ ᠪᠣᠢ ᠪᠣᠯᠭᠠᠨ᠎ᠠ᠃ ᠬᠤᠲᠠ ᠪᠠᠯᠭᠠᠰᠤᠨ ᠤ 1500 | ᠬᠥᠮᠥᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠤᠰᠬᠤᠨ ᠤ ᠬᠥᠳᠡᠯᠮᠦᠷᠢ ᠬᠦᠴᠦ ᠶᠢ ᠨᠡᠭᠦᠯᠭᠡᠨ 1800 | ᠬᠥᠮᠥᠨ ᠤᠳᠠᠭ᠎ᠠ ᠳᠤ ᠠᠵᠢᠯ ᠣᠯᠭᠤᠵᠤ᠂ ᠪᠦᠬᠦ ᠬᠤᠰᠢᠭᠤᠨ ᠤ ᠬᠤᠲᠠ ᠪᠠᠯᠭᠠᠰᠤᠨ ᠤ ᠠᠵᠢᠯ ᠠᠯᠳᠠᠭᠰᠠᠳ ᠤᠨ | ᠨᠣᠷᠮ᠎ᠠ ᠶᠢ 3.5% ᠶᠢᠨ ᠳᠣᠲᠤᠷ᠎ᠠ ᠬᠢᠵᠠᠭᠠᠷᠯᠠᠨ᠎ᠠ᠃ ︽ᠠᠵᠤ ᠠᠬᠤᠶᠢᠯᠠᠯ ᠢ ᠳᠡᠮᠵᠢᠵᠦ ᠠᠵᠢᠯ ᠤᠨ ᠪᠠᠶᠢᠷᠢ ᠶᠢ | ᠲᠣᠭᠲᠠᠭᠤᠨ ᠪᠠᠶᠢᠯᠭᠠᠬᠤ︾ ᠨᠥᠬᠦᠪᠦᠷᠢ ᠶᠢ ᠨᠠᠶᠢᠳᠠᠪᠤᠷᠢᠵᠢᠭᠤᠯᠵᠤ᠂ ᠡᠶ᠎ᠡ ᠡᠶᠡᠲᠡᠢ ᠠᠵᠢᠯ ᠤᠨ ᠬᠠᠷᠢᠴᠠᠭ᠎ᠠ ᠶᠢ | ᠲᠠᠰᠤᠷᠠᠯᠲᠠ ᠦᠭᠡᠢ ᠪᠣᠢ ᠪᠣᠯᠭᠠᠨ᠎ᠠ᠃ ︽ᠲᠠᠪᠤᠨ ᠳᠠᠭᠠᠳᠬᠠᠯ︾ ᠢ ᠥᠷᠭᠡᠨ ᠬᠡᠪᠴᠢᠶᠡᠨ ᠳᠤ ᠲᠠᠲᠠᠪᠤᠷᠢᠯᠠᠵᠤ | ᠲᠤᠰᠢᠶᠠᠬᠤ ᠶᠢ ᠲᠣᠭᠲᠠᠭᠤᠨ ᠢᠶᠠᠷ ᠠᠬᠢᠭᠤᠯᠵᠤ᠂ ᠨᠠᠰᠤᠵᠢᠯ ᠤᠨ ᠳᠠᠭᠠᠳᠬᠠᠯ ᠪᠣᠯᠣᠨ ᠡᠮ ᠡᠮᠨᠡᠯᠭᠡ ᠶᠢᠨ | ᠳᠠᠭᠠᠳᠬᠠᠯ ᠳᠤ ᠣᠷᠣᠯᠴᠠᠬᠤ ᠨᠣᠷᠮ᠎ᠠ ᠶᠢ 99 % ᠪᠠ 100% ᠳᠤ ᠬᠦᠷᠭᠡᠬᠦ ᠪᠠᠷ ᠴᠢᠷᠮᠠᠶᠢᠨ᠎ᠠ᠃ ᠵᠠᠰᠠᠭ ᠤᠨ | ᠣᠷᠳᠣᠨ ᠠᠴᠠ ᠭᠡᠷ ᠲᠤᠨᠢ ᠨᠠᠰᠤᠵᠢᠯ ᠤᠨ ᠠᠰᠠᠷᠠᠮᠵᠢ ᠶᠢ ᠬᠦᠷᠲᠡᠭᠡᠬᠦ ᠦᠢᠯᠡᠴᠢᠯᠡᠭᠡ ᠶᠢ ᠪᠦᠬᠦ ᠲᠠᠯ᠎ᠠ ᠪᠠᠷ ᠲᠦᠯᠬᠢᠨ | ᠠᠬᠢᠭᠤᠯᠵᠤ᠂ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠳᠠᠭᠠᠭᠠᠴᠢᠯᠠᠭᠤᠯᠤᠨ ᠬᠠᠮᠢᠶᠠᠷᠤᠭᠤᠯᠬᠤ ᠶᠢ ᠴᠢᠷᠮᠠᠶᠢᠨ ᠪᠣᠢ ᠪᠣᠯᠭᠠᠨ᠎ᠠ᠃ ᠨᠡᠶᠢᠭᠡᠮ ᠤᠨ ᠠᠪᠤᠷᠠᠨ ᠲᠤᠰᠠᠯᠠᠯᠳᠠ ᠪᠠ | ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠢᠭᠦᠯᠡᠰᠦᠩᠭᠦᠢ | ᠦᠢᠯᠡᠰ ᠤᠨ ᠪᠠᠶᠢᠭᠤᠯᠭ᠎ᠠ ᠪᠣᠯᠣᠨ ᠨᠠᠰᠤᠲᠠᠶᠢᠴᠤᠳ ᠢ ᠳᠡᠮᠵᠢᠬᠦ᠂ ᠵᠡᠮᠳᠡᠭᠴᠦᠳ ᠢ ᠲᠤᠰᠠᠯᠠᠬᠤ᠂ ᠥᠨᠥᠴᠢᠨ | ᠥᠷᠥᠭᠡᠰᠦᠨ ᠳᠤ ᠲᠤᠰᠠ ᠳᠡᠮ ᠦᠵᠡᠭᠦᠯᠬᠦ ᠵᠡᠷᠭᠡ ᠦᠢᠯᠡᠰ ᠤᠨ ᠬᠥᠭᠵᠢᠯᠲᠡ ᠶᠢ ᠨᠢᠭᠡᠳᠦᠯᠲᠡᠢ ᠪᠠᠷ ᠠᠬᠢᠭᠤᠯᠵᠤ᠂ | ᠶᠠᠳᠠᠭᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠢ ᠪᠠᠲᠤᠯᠠᠨ᠎ᠠ᠃ ᠰᠣᠶᠣᠯ ᠢᠶᠠᠷ ᠠᠷᠠᠳ ᠲᠤ | ᠠᠰᠢᠭ ᠬᠦᠷᠲᠡᠭᠡᠬᠦ ᠢᠨᠵᠧᠨᠧᠷᠢᠩ ᠢ ᠨᠠᠶᠢᠳᠠᠪᠤᠷᠢᠵᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠨᠠᠢᠮᠠᠳᠤᠭᠠᠷ | ᠬᠤᠭᠤᠴᠠᠭᠠᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ ᠢ ᠡᠷᠬᠢᠯᠡᠵᠦ᠂ ᠴᠠᠭᠠᠨ ᠰᠠᠷ᠎ᠠ ᠶᠢᠨ ᠥᠯᠵᠡᠶᠢᠳᠤ | ᠡᠳᠤᠷ ᠤᠨ ᠨᠠᠶᠢᠷ ᠨᠠᠭᠠᠳᠤᠮ᠂ ᠵᠠᠭᠤᠨ ᠡᠳᠦᠷ ᠤᠨ ᠵᠤᠨ ᠤ ᠰᠡᠯᠡᠭᠦᠴᠡᠯ ᠵᠡᠷᠭᠡ ᠣᠯᠠᠨ ᠲᠦᠮᠡᠨᠴᠢ ᠰᠣᠶᠣᠯ ᠤᠨ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠪᠤᠳᠠᠰ ᠤᠨ ᠪᠠ ᠪᠤᠳᠠᠰ ᠤᠨ ᠪᠤᠰᠤ ᠰᠤᠶᠤᠯ ᠤᠨ ᠥᠪ ᠤᠨ | ᠬᠠᠮᠠᠭᠠᠯᠠᠯᠳᠠ ᠶᠢᠨ ᠬᠦᠴᠦᠯᠡᠴᠡ ᠪᠠᠨ ᠨᠡᠮᠡᠭᠳᠡᠬᠦᠯᠦᠨ᠎ᠡ᠃ ᠲᠠᠷᠢᠶᠠᠴᠢᠳ ᠤᠨ ᠬᠤᠷᠢᠶᠠᠯᠲᠠ ᠶᠢᠨ ᠨᠠᠶᠢᠷ ᠤᠨ | ᠲᠣᠭᠤᠷᠢᠨ ᠳᠤ᠂ ᠠᠵᠤ ᠠᠬᠤᠶᠢᠯᠠᠯ ᠪᠣᠯᠣᠨ ᠨᠡᠶᠢᠭᠡᠮ ᠤᠨ ᠡᠳᠡᠭᠡᠳ ᠤᠨ ᠬᠢᠨ ᠤ ᠴᠠᠭᠠᠨ ᠭᠤᠶᠣᠣ ᠶᠢᠨ ᠨᠠᠶᠢᠷ᠂ | ᠮᠣᠩᠭᠤᠯ ᠭᠦᠢᠯᠡᠰᠦ ᠶᠢᠨ ᠨᠠᠶᠢᠷ᠂ ᠠᠭᠢᠷ ᠴᠡᠴᠡᠭ ᠤᠨ ᠨᠠᠶᠢᠷ ᠪᠣᠯᠣᠨ ᠲᠡᠮᠡᠭᠡ ᠮᠣᠷᠢ ᠤᠷᠤᠯᠳᠤᠬᠤ᠂ ᠬᠤᠨᠢ | ᠢᠮᠠᠭᠠᠨ ᠤ ᠠᠳᠠᠯᠢᠳᠬᠠᠯ ᠢ ᠰᠢᠯᠭᠠᠷᠠᠭᠤᠯᠬᠤ᠂ ᠬᠥᠯᠬᠦ ᠴᠠᠭᠠᠨ ᠲᠡᠮᠡᠭᠡᠨ ᠤ ᠲᠠᠬᠢᠯᠭ᠎ᠠ᠂ ᠣᠪᠣᠭᠠᠨ ᠲᠠᠬᠢᠯᠭ᠎ᠠ ᠵᠡᠷᠭᠡ | ᠠᠷᠠᠳ ᠤᠨ ᠵᠠᠩ ᠦᠢᠯᠡ ᠶᠢᠨ ᠠᠵᠢᠯᠯᠠᠭ᠎ᠠ ᠳᠤ ᠳᠡᠮᠵᠢᠯᠭᠡ ᠦᠵᠡᠭᠦᠯᠦᠨ᠎ᠡ᠃ | ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠥᠵᠢᠯ ᠢ ᠰᠠᠶᠢᠲᠦᠷ ᠬᠥᠭᠵᠢᠭᠦᠯᠦᠨ᠎ᠡ᠃ ᠰᠤᠷᠬᠤ ᠨᠠᠰᠤᠨ | ᠠᠴᠠ ᠡᠮᠦᠨᠡᠬᠢ ᠰᠤᠷᠭᠠᠨ ᠬᠥᠮᠥᠵᠢᠯ᠂ ᠦᠨᠳᠦᠰᠦᠲᠡᠨ ᠤ ᠰᠤᠷᠭᠠᠨ ᠬᠥᠮᠥᠵᠢᠯ᠂ ᠣᠨᠴᠠᠭᠠᠢ ᠰᠤᠷᠭᠠᠨ ᠬᠥᠮᠥᠵᠢᠯ᠂ | ᠠᠷᠠᠳ ᠠᠴᠠ ᠡᠷᠬᠢᠯᠡᠭᠰᠡᠨ ᠰᠤᠷᠭᠠᠨ ᠬᠥᠮᠥᠵᠢᠯ ᠢ ᠨᠢᠭᠡᠳᠦᠯᠲᠡᠢ ᠪᠠᠷ ᠵᠣᠬᠢᠴᠠᠭᠤᠯᠤᠨ ᠬᠥᠭᠵᠢᠭᠦᠯᠵᠦ᠂ ᠦᠯᠵᠡᠢ | ᠰᠤᠮᠤᠨ ᠤ ᠮᠣᠩᠭᠤᠯ ᠢᠶᠠᠷ ᠬᠢᠴᠢᠶᠡᠯᠯᠡᠬᠦ 1-3 ᠳ᠋ᠤᠭᠠᠷ ᠣᠨ ᠤ ᠪᠠᠭ᠎ᠠ ᠰᠤᠷᠭᠠᠭᠤᠯᠢ ᠶᠢᠨ ᠰᠤᠷᠭᠠᠨ ᠬᠥᠮᠥᠵᠢᠯ ᠤᠨ | ᠴᠡᠭ ᠢ ᠰᠢᠨ᠎ᠡ ᠪᠠᠷ ᠪᠠᠶᠢᠭᠤᠯᠵᠤ᠂ 3 ᠪᠠᠭ᠎ᠠ ᠰᠤᠷᠭᠠᠭᠤᠯᠢ᠂ 2 ᠬᠡᠤᠬᠡᠳ ᠤᠨ ᠴᠡᠴᠡᠷᠯᠢᠭ ᠲᠤ ᠢᠵᠢ ᠪᠦᠷᠢᠨ | ᠲᠥᠬᠦᠭᠡᠷᠦᠮᠵᠢ ᠶᠢ ᠪᠦᠷᠢᠳᠦᠭᠦᠯᠵᠦ᠂ ᠳᠣᠯᠣᠳᠤᠭᠠᠷ ᠬᠡᠤᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠪᠠᠷ | ᠴᠢᠷᠮᠠᠶᠢᠨ᠎ᠠ᠃ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠬᠦᠷᠢᠳᠡᠢ ᠬᠥᠭᠵᠢᠯᠲᠡ ᠶᠢᠨ ᠪᠦᠲᠦᠮᠵᠢ ᠶᠢ | ᠪᠠᠬᠢᠵᠢᠭᠦᠯᠦᠨ᠎ᠡ᠃ ᠪᠠᠭᠰᠢ ᠶᠢᠨ ᠡᠩᠨᠡᠭᠡ ᠶᠢᠨ ᠥᠭᠡᠷᠡᠴᠢᠯᠡᠯᠲᠡ ᠶᠢ ᠠᠬᠢᠭᠤᠯᠵᠤ᠂ ᠰᠢᠯᠢᠳᠡᠭ ᠰᠠᠶᠢᠨ ᠵᠠᠬᠢᠷᠤᠯ | ᠪᠣᠯᠣᠨ ᠪᠠᠭᠰᠢ ᠨᠠᠷ ᠢ ᠤᠷᠢᠵᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠦᠷᠭᠦᠯᠵᠢᠯᠡᠭᠰᠡᠨ | ᠰᠤᠷᠭᠠᠨ ᠬᠥᠮᠥᠵᠢᠯ ᠤᠨ ᠲᠡᠭᠡᠳᠦ ᠰᠤᠷᠭᠠᠭᠤᠯᠢ ᠲᠠᠢ ᠬᠠᠮᠲᠤᠷᠠᠨ ᠠᠵᠢᠯᠯᠠᠵᠤ᠂ ᠳᠡᠭᠡᠳᠦ ᠬᠡᠪ ᠪᠣᠯᠪᠠᠰᠤᠷᠠᠯ ᠲᠠᠢ | ᠪᠠᠭᠰᠢ ᠨᠠᠷ ᠤᠨ ᠡᠩᠨᠡᠭᠡ ᠶᠢ ᠬᠥᠮᠥᠵᠢᠭᠦᠯᠦᠨ᠎ᠡ᠃ ᠰᠤᠷᠤᠭᠴᠢᠳ ᠤᠨ ᠲᠡᠳᠬᠦᠮᠵᠢ ᠶᠢᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠳᠠᠷᠤᠭᠠᠰᠤ ᠶᠢ ᠬᠥᠩᠭᠡᠯᠡᠬᠦ ᠠᠷᠭ᠎ᠠ | ᠬᠡᠮᠵᠢᠶ᠎ᠡ ᠶᠢ ᠬᠡᠷᠡᠭᠵᠢᠭᠦᠯᠵᠦ᠂ ᠰᠤᠷᠭᠠᠨ ᠬᠥᠮᠥᠵᠢᠯ ᠤᠨ ᠶᠠᠰᠤ ᠴᠢᠨᠠᠷ ᠤᠨ ᠶᠡᠷᠤᠩᠭᠡᠶᠢᠯᠡᠨ ᠥᠨᠡᠯᠡᠨ ᠬᠢᠨᠠᠬᠤ | ᠳᠠᠪᠴᠠᠩ ᠤᠨ ᠪᠠᠶᠢᠭᠤᠯᠤᠯᠲᠠ ᠶᠢ ᠭᠦᠢᠴᠡᠳᠬᠡᠵᠦ᠂ ᠰᠤᠷᠭᠠᠨ ᠬᠥᠮᠥᠵᠢᠯ ᠤᠨ ᠣᠳᠣᠬᠢᠴᠢᠯᠠᠯᠲᠠ ᠶᠢ ᠠᠬᠢᠭᠤᠯᠤᠨ᠎ᠠ᠃ | ︽ᠡᠷᠡᠭᠦᠯ ᠡᠩᠬᠡ ᠠᠯᠠᠱᠠ ᠵᠡᠭᠦᠨ ᠬᠤᠰᠢᠭᠤ︾ ᠶᠢᠨ ᠪᠠᠶᠢᠭᠤᠯᠤᠯᠲᠠ ᠶᠢ ᠲᠦᠷᠭᠡᠳᠬᠡᠨ᠎ᠡ᠃ ᠡᠮ ᠡᠮᠨᠡᠯᠭᠡ ᠡᠷᠡᠭᠦᠯ | ᠬᠠᠮᠠᠭᠠᠯᠠᠯ ᠤᠨ ᠲᠥᠬᠦᠭᠡᠷᠦᠮᠵᠢ ᠶᠢᠨ ᠰᠠᠭᠤᠷᠢ ᠪᠠᠶᠢᠭᠤᠯᠤᠯᠲᠠ ᠶᠢ ᠴᠢᠩᠭᠠᠳᠬᠠᠵᠤ᠂ ᠵᠢᠷᠠᠲᠠᠢ ᠡᠮᠨᠡᠯᠭᠡ ᠶᠢᠨ | ᠬᠤᠷᠢᠶᠠᠨ ᠤ ᠪᠠᠷᠢᠯᠭ᠎ᠠ ᠶᠢ ᠲᠦᠷᠭᠡᠳᠬᠡᠵᠦ᠂ ᠠᠯᠠᠱᠠ ᠵᠡᠭᠦᠨ ᠬᠤᠰᠢᠭᠤᠨ ᠤ ᠪᠡᠶ᠎ᠡ ᠶᠢᠨ ᠪᠠᠶᠢᠴᠠᠭᠠᠯᠲᠠ ᠶᠢᠨ ᠲᠥᠪ ᠢ | ᠰᠢᠨ᠎ᠡ ᠪᠠᠷ ᠪᠠᠶᠢᠭᠤᠯᠤᠨ᠎ᠠ᠃ ᠮᠣᠩᠭᠤᠯ ᠡᠮᠨᠡᠯᠭᠡ ᠶᠢᠨ ᠷᠠᠰᠢᠶᠠᠨ ᠵᠠᠰᠠᠯ᠂ ᠳᠠᠪᠤᠰᠤᠨ ᠵᠠᠰᠠᠯ᠂ ᠡᠯᠡᠰᠦᠨ ᠵᠠᠰᠠᠯ ᠵᠡᠷᠭᠡ | ᠤᠯᠠᠮᠵᠢᠯᠠᠯᠲᠤ ᠡᠮᠨᠡᠯᠭᠡ ᠶᠢᠨ ᠮᠡᠷᠭᠡᠵᠢᠯ ᠢ ᠠᠬᠢᠭᠤᠯᠵᠤ᠂ ᠨᠡᠷᠡᠲᠦ ᠡᠮᠴᠢ ᠨᠠᠷ ᠤᠨ ᠠᠵᠢᠯᠯᠠᠬᠤ ᠥᠷᠥᠭᠡ ᠶᠢᠨ | ᠦᠢᠯᠡᠳᠦᠯ ᠢ ᠪᠠᠳᠠᠷᠠᠭᠤᠯᠵᠤ᠂ ᠣᠷᠣᠨ ᠨᠣᠲᠤᠭ ᠤᠨ ᠣᠨᠴᠠᠯᠢᠭ ᠲᠠᠢ ᠡᠮᠴᠢᠯᠡᠭᠡᠨ ᠤ ᠨᠡᠷ᠎ᠡ ᠳᠡᠮᠳᠡᠭ ᠢ ᠪᠣᠢ ᠪᠣᠯᠭᠠᠨ᠎ᠠ | ᠃ ᠡᠮᠨᠡᠯᠭᠡ ᠶᠢᠨ ᠬᠤᠯᠪᠣᠭᠠᠯᠠᠯ᠂ ᠡᠮᠴᠢᠯᠡᠭᠡᠨ ᠤ ᠬᠠᠮᠲᠤᠷᠠᠯᠴᠠᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠡᠮᠴᠢᠯᠡᠬᠡᠨ ᠤ ᠴᠢᠳᠠᠪᠤᠷᠢᠲᠠᠨ ᠢ ᠤᠷᠢᠨ ᠵᠠᠯᠠᠬᠤ ᠠᠷᠭ᠎ᠠ ᠵᠠᠮ ᠢᠶᠠᠨ ᠦᠷᠬᠡᠳᠬᠡᠵᠤ᠂ | ᠡᠮ ᠡᠮᠨᠡᠯᠭᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠥᠪᠰᠢᠨ ᠢᠶᠠᠨ ᠳᠡᠭᠡᠭᠰᠢᠯᠡᠭᠦᠯᠦᠨ᠎ᠡ᠃ | ᠨᠡᠶᠢᠭᠡᠮ ᠤᠨ ᠵᠠᠰᠠᠨ ᠴᠡᠭᠴᠡᠯᠡᠯᠲᠡ ᠶᠢ ᠦᠨᠡᠨᠬᠦ ᠴᠢᠩᠭᠠᠳᠬᠠᠨ᠎ᠠ᠃ ︽ ᠠᠮᠤᠭᠤᠯᠠᠩᠳᠤ ᠠᠯᠠᠱᠠ ᠵᠡᠭᠦᠨ ᠬᠤᠰᠢᠭᠤ︾ | ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾ ᠶᠢ | ᠲᠠᠭᠠᠨ ᠰᠤᠷᠤᠯᠴᠠᠵᠤ᠂ ᠦᠨᠳᠦᠰᠦᠨ ᠱᠠᠳᠤᠨ ᠤ ᠨᠡᠶᠢᠬᠡᠮ ᠢ ᠵᠠᠰᠠᠨ ᠴᠡᠭᠴᠡᠯᠡᠬᠦ ︽ᠭᠤᠷᠪᠠᠨ ᠰᠡᠷᠬᠡᠶᠢᠯᠡᠯᠳᠠ ᠶᠢᠨ | ᠱᠤᠭᠤᠮ︾ ᠢ ᠴᠤᠭᠴᠠᠯᠠᠨ ᠪᠠᠶᠢᠭᠤᠯᠵᠤ᠂ ᠬᠠᠮᠲᠤᠪᠠᠷ ᠪᠠᠶᠢᠭᠤᠯᠵᠤ᠂ ᠬᠠᠮᠲᠤᠪᠠᠷ ᠵᠠᠰᠠᠵᠤ᠂ ᠬᠠᠮᠲᠤᠪᠠᠷ ᠡᠳ᠋ᠯᠡᠬᠦ | ᠨᠡᠶᠢᠭᠡᠮ ᠤᠨ ᠵᠠᠰᠠᠯᠲᠠ ᠶᠢᠨ ᠰᠢᠨ᠎ᠡ ᠬᠡᠪ ᠵᠠᠭᠪᠤᠷ ᠢ ᠪᠦᠷᠢᠯᠳᠦᠭᠦᠯᠦᠨ᠎ᠡ᠃ ᠴᠣᠬᠢᠯᠲᠠ ᠥᠭᠬᠦ ᠂ ᠰᠡᠷᠭᠡᠶᠢᠯᠡᠬᠦ᠂ | ᠬᠠᠮᠢᠶᠠᠷᠬᠤ᠂ ᠡᠵᠡᠮᠳᠡᠬᠦ ᠶᠢ ᠨᠢᠭᠡ ᠴᠣᠭᠴᠠᠵᠢᠭᠤᠯᠤᠭᠰᠠᠨ ᠪᠠᠶᠢᠭᠤᠯᠤᠯᠲᠠ ᠶᠢ ᠴᠢᠩᠭᠠᠳᠬᠠᠵᠤ᠂ ︽ᠬᠠᠷ᠎ᠠ ᠪᠥᠯᠥᠭᠲᠡᠨ | ᠬᠠᠷᠬᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ︾ ᠢ ᠭᠦᠨᠵᠡᠭᠡᠢ ᠥᠷᠨᠢᠭᠦᠯᠵᠦ᠂ ᠡᠯ᠎ᠡ ᠲᠥᠷᠥᠯ ᠤᠨ ᠬᠠᠤᠯᠢ | ᠳᠦᠷᠢᠮ ᠢ ᠵᠥᠷᠢᠴᠡᠭᠰᠡᠨ ᠶᠠᠯᠠᠳᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂ ᠣᠯᠠᠨ ᠲᠦᠮᠡᠨ ᠤ ᠠᠮᠤᠷ | ᠲᠥᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠲᠥᠷᠥᠭᠳᠡᠯ ᠢ ᠵᠡᠷᠭᠡᠪᠡᠷ ᠳᠡᠭᠡᠭᠰᠢᠯᠡᠭᠦᠯᠦᠨ᠎ᠡ᠃ ᠣᠯᠠᠨ | ᠨᠡᠶᠢᠲᠡ ᠶᠢᠨ ᠠᠮᠤᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠤᠨ | ᠤᠷᠢᠳᠴᠢᠯᠠᠨ ᠰᠡᠷᠭᠡᠶᠢᠯᠡᠬᠦ ᠪᠣᠯᠣᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ᠃ | ᠵᠠᠬᠢᠳᠠᠯ ᠰᠤᠷᠪᠤᠯᠵᠢᠯᠠᠭ᠎ᠠ᠂ ᠲᠣᠭᠲᠠᠭᠤᠨ ᠢ ᠪᠠᠲᠤᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ | ᠬᠡᠷᠡᠭᠵᠢᠭᠦᠯᠵᠦ᠂ ᠨᠡᠶᠢᠭᠡᠮ ᠤᠨ ᠵᠥᠷᠢᠴᠡᠯ᠂ ᠤᠳᠠᠭᠠᠨ ᠵᠢᠯ ᠳᠠᠷᠤᠭᠳᠠᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ | ᠰᠢᠢᠳᠪᠦᠷᠢᠯᠡᠬᠦ ᠶᠢ ᠠᠬᠢᠭᠤᠯᠵᠤ᠂ ᠣᠯᠠᠨ ᠲᠦᠮᠡᠨ ᠤ ᠠᠩᠬᠠᠷᠤᠯ ᠢᠶᠠᠨ ᠬᠠᠨᠳᠤᠭᠤᠯᠵᠤ ᠪᠠᠶᠢᠭ᠎ᠠ ᠬᠠᠯᠠᠮᠰᠢᠯ | ᠠᠰᠠᠭᠤᠳᠠᠯ᠂ ᠲᠦᠪᠡᠭᠲᠡᠢ ᠠᠰᠠᠭᠤᠳᠠᠯ ᠢ ᠰᠠᠶᠢᠲᠦᠷ ᠰᠢᠢᠳᠪᠦᠷᠢᠯᠡᠨ᠎ᠡ᠃ ᠠᠶᠤᠯᠬᠦᠢ ᠦᠢᠯᠡᠳᠪᠦᠷᠢᠯᠡᠯ᠂ ᠢᠳᠡᠭᠡᠨ | ᠤᠮᠳᠠᠭᠠᠨ ᠤ ᠠᠮᠤᠷ ᠲᠥᠪᠰᠢᠨ᠂ ᠡᠮ ᠤᠨ ᠵᠦᠢᠯᠡᠰ ᠤᠨ ᠠᠮᠤᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ | ᠠᠶᠦᠯᠭᠦᠢ ᠦᠢᠯᠡᠳᠪᠦᠷᠢᠯᠡᠯ ᠢ ᠲᠣᠭᠲᠠᠭᠤᠨ ᠢᠶᠠᠷ ᠦᠷᠭᠦᠯᠵᠢᠯᠡᠨ ᠰᠠᠶᠢᠵᠢᠷᠠᠬᠤ ᠶᠢ ᠲᠦᠯᠬᠢᠨ ᠠᠬᠢᠭᠤᠯᠤᠨ᠎ᠠ᠃ ᠪᠦᠬᠦ | ᠤᠯᠤᠰ ᠤᠨ ᠳᠥᠷᠪᠡᠳᠦᠭᠡᠷ ᠤᠳᠠᠭᠠᠨ ᠤ ᠠᠵᠤ ᠠᠬᠤᠢ ᠶᠢᠨ ᠨᠡᠶᠢᠳᠡᠮ ᠪᠠᠶᠢᠴᠠᠭᠠᠯᠳᠠ᠂ ᠤᠯᠤᠰ ᠤᠨ ᠪᠠᠲᠤᠯᠠᠨ | ᠬᠠᠮᠠᠭᠠᠯᠠᠯᠲᠠ ᠶᠢᠨ ᠳᠠᠶᠢᠴᠢᠯᠠᠯᠳᠠ᠂ ︽ᠳᠤᠯᠤᠳᠤᠭᠠᠷ ᠳᠠᠪᠤᠨ ᠵᠢᠯ︾ ᠤᠨ ᠬᠠᠤᠯᠢ ᠲᠦᠬᠡᠮᠡᠯᠵᠢᠬᠦᠯᠦᠯᠳᠡ ᠶᠢᠨ | ᠠᠵᠢᠯ ᠢ ᠰᠠᠶᠢᠲᠦᠷ ᠠᠳᠬᠤᠵᠤ᠂ ᠦᠨᠳᠦᠰᠦᠲᠡᠨ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠤᠰᠤᠭᠠᠷ | ᠬᠠᠮᠢᠶᠠᠷᠤᠨ᠎ᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠦᠢᠯᠡᠳᠪᠦᠷᠢ ᠬᠤᠳᠠᠯᠳᠤᠭᠠᠨ ᠤ | ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠭᠡ ᠮᠡᠷᠭᠡᠵᠢᠯ ᠤᠨ ᠨᠡᠶᠢᠭᠡᠮᠯᠢᠭ᠂ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠢ ᠰᠠᠶᠢᠳᠤᠷ ᠥᠷᠨᠢᠬᠦᠯᠵᠤ᠂ ᠣᠯᠠᠨ ᠲᠥᠮᠡᠨᠴᠢ ᠵᠣᠬᠢᠶᠠᠨ | ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠪᠠᠷ ᠠᠬᠢᠭᠤᠯᠵᠤ᠂ ᠭᠠᠳᠠᠭᠠᠳᠤ ᠶᠠᠪᠤᠳᠠᠯ᠂ ᠬᠠᠷᠢᠶᠠᠳᠤ ᠶᠢᠨ ᠶᠠᠪᠤᠳᠠᠯ᠂ | ᠴᠠᠭ ᠠᠭᠤᠷ᠂ ᠲᠡᠤᠬᠡ ᠣᠶᠢᠯᠠᠯᠭ᠎ᠠ ᠶᠢᠨ ᠠᠵᠢᠯ᠂ ᠭᠠᠵᠠᠷ ᠬᠥᠳᠡᠯᠦᠯᠲᠡ᠂ ᠭᠠᠮᠰᠢᠭ ᠢ ᠪᠠᠭᠠᠰᠬᠠᠬᠤ ᠵᠡᠷᠭᠡ ᠠᠵᠢᠯ ᠢ | ᠨᠢᠭᠡᠳᠦᠯᠲᠡᠢ ᠪᠠᠷ ᠲᠥᠯᠥᠪᠵᠢᠭᠦᠯᠦᠨ ᠠᠬᠢᠭᠤᠯᠤᠨ᠎ᠠ᠃ | ᠲᠥᠯᠥᠭᠡᠯᠡᠭᠴᠢᠳ ᠡ᠂ ᠣᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠰᠢᠨ᠎ᠡ ᠬᠦᠰᠡᠯ ᠮᠥᠷᠥᠭᠡᠳᠦᠯ ᠢ | ᠪᠡᠶᠡᠯᠡᠭᠦᠯᠬᠦ ᠨᠢ ᠪᠢᠳᠠᠨ ᠤ ᠦᠨᠢᠳᠡ ᠶᠢᠨ ᠬᠠᠷᠠᠯᠲᠠ ᠪᠣᠯᠣᠨ᠎ᠠ᠃ ᠡᠨᠡ ᠵᠢᠯ ᠪᠢᠳᠠ ᠬᠢᠵᠠᠭᠠᠷᠲᠠᠢ ᠬᠥᠷᠥᠩᠭᠡ | ᠬᠦᠴᠦ ᠪᠠᠨ ᠬᠤᠷᠠᠮᠳᠤᠭᠤᠯᠵᠤ᠂ ᠨᠡᠶᠢᠲᠡ ᠣᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠳᠣᠪᠣᠶᠢᠮ᠎ᠠ | ᠠᠰᠠᠭᠤᠳᠠᠯ ᠠᠴᠠ ᠭᠠᠷᠳᠠᠵᠤ᠂ ᠠᠷᠠᠳ ᠲᠤ ᠠᠰᠢᠭ ᠬᠥᠷᠳᠡᠬᠡᠬᠦ 10 ᠠᠵᠢᠯ ᠢ ᠰᠠᠶᠢᠲᠦᠷ ᠬᠢᠬᠦ ᠪᠣᠯᠣᠨ᠎ᠠ᠃ | ᠨᠢᠭᠡ ᠳᠤ᠂ ᠰᠤᠷᠭᠠᠭᠤᠯᠢ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠎ᠡ᠃ 1 ᠰᠠᠣᠷᠢ ᠬᠡᠤᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠵᠤ᠂ ᠠᠯᠠᠱᠠ ᠠᠶᠢᠮᠠᠭ ᠤᠨ ᠨᠢᠭᠡᠳᠦᠭᠡᠷ ᠳᠤᠮᠳᠠᠳᠤ ᠰᠤᠷᠭᠠᠭᠤᠯᠢ᠂ ᠠᠯᠠᠱᠠ ᠵᠡᠭᠦᠨ | ᠬᠤᠰᠢᠭᠤᠨ ᠤ ᠳᠡᠭᠡᠳᠦ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠬᠦᠬᠦ ᠠᠵᠢᠯ ᠢ ᠭᠦᠢᠴᠡᠳᠬᠡᠨ᠎ᠡ᠃ ᠬᠤᠶᠠᠷ ᠲᠤ᠂ | ᠵᠢᠭᠠᠨ ᠰᠤᠷᠭᠠᠯᠲᠠ ᠶᠢᠨ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠦᠨ᠎ᠡ᠃ 1650 ᠲᠦᠮᠡᠨ ᠲᠥᠭᠦᠷᠢᠭ ᠤᠨ | ᠪᠡᠯᠡ ᠣᠷᠣᠭᠤᠯᠵᠤ᠂ ᠪᠦᠬᠦ ᠬᠤᠰᠢᠭᠤᠨ ᠤ 550 ᠬᠢᠴᠢᠶᠡᠯᠯᠡᠬᠦ ᠠᠩᠭᠢ ᠳᠤ ᠤᠶᠤᠨᠳᠤ ᠵᠢᠭᠠᠨ ᠰᠤᠷᠭᠠᠯᠲᠠ ᠶᠢᠨ | ᠮᠠᠰᠢᠨ ᠢ ᠤᠭᠰᠠᠷᠠᠵᠤ᠂ ᠰᠤᠷᠤᠭᠴᠢᠳ ᠤᠨ ᠰᠣᠶᠣᠯ ᠮᠡᠳᠡᠯᠭᠡ ᠪᠠᠨ ᠪᠠᠲᠤᠳᠬᠠᠬᠤ᠂ ᠰᠡᠳᠬᠢᠬᠦᠢ ᠪᠠᠨ | ᠰᠡᠩᠭᠡᠷᠡᠬᠦᠯᠬᠦ ᠳᠤ ᠨᠢ ᠲᠤᠰᠠᠯᠠᠯᠴᠠᠭ᠎ᠠ ᠦᠵᠡᠭᠦᠯᠦᠨ᠎ᠡ᠃ ᠭᠤᠷᠪᠠ ᠳᠤ᠂ ᠬᠤᠲᠠ ᠶᠢᠨ ᠴᠢᠳᠠᠮᠵᠢ ᠪᠠᠨ | ᠲᠡᠭᠦᠯᠳᠡᠷᠵᠢᠭᠦᠯᠦᠨ᠎ᠡ᠃ 6 ᠲᠡᠷᠭᠡᠨ ᠤ ᠵᠣᠭᠰᠣᠭᠠᠯ ᠤᠨ ᠭᠠᠵᠠᠷ ᠢ ᠰᠢᠨ᠎ᠡ ᠪᠠᠷ ᠪᠠᠶᠢᠭᠤᠯᠵᠤ᠂ ᠴᠠᠬᠢᠯᠭᠠᠨ ᠴᠡᠨᠡᠭᠯᠡᠬᠦ | ᠴᠢᠳᠠᠮᠵᠢ ᠪᠦᠬᠦᠢ ᠲᠡᠷᠭᠡᠨ ᠤ ᠵᠣᠭᠰᠣᠭᠠᠯ ᠢ ᠥᠭᠡᠷᠡᠴᠢᠯᠡᠨ ᠪᠠᠶᠢᠭᠤᠯᠤᠨ᠎ᠠ᠃ ᠳᠥᠷᠪᠡ ᠳᠤ᠂ ᠰᠢᠲᠠᠮᠠᠬᠠᠢ ᠬᠡᠢ | ᠬᠠᠩᠭᠠᠬᠤ ᠬᠦᠷᠢᠶ᠎ᠡ ᠬᠡᠪᠴᠢᠶ᠎ᠡ ᠪᠠᠨ ᠥᠷᠭᠡᠳᠬᠡᠨ᠎ᠡ᠃ ᠨᠡᠶᠢᠲᠡ 3500 ᠡᠷᠦᠭᠡ ᠳᠤ ᠪᠠᠶᠢᠭᠠᠯᠢ ᠶᠢᠨ ᠰᠢᠲᠠᠮᠠᠬᠠᠢ | ᠬᠡᠢ ᠶᠢ ᠰᠢᠨ᠎ᠡ ᠪᠠᠷ ᠨᠡᠪᠲᠡᠷᠡᠭᠦᠯᠵᠦ᠂ ᠰᠢᠲᠠᠮᠠᠬᠠᠢ ᠬᠡᠢ ᠬᠠᠩᠭᠠᠬᠤ ᠱᠠᠭᠠᠷᠳᠠᠯᠭ᠎ᠠ ᠶᠢ ᠠᠯᠬᠤᠮ ᠳᠠᠷᠠᠭ᠎ᠠ ᠲᠠᠢ ᠪᠠᠷ | ᠭᠦᠢᠴᠡᠳᠬᠡᠨ᠎ᠡ᠃ ᠲᠠᠪᠤ ᠳᠤ᠂ ᠤᠰᠤᠨ ᠤ ᠬᠡᠷᠡᠭᠯᠡᠭᠡ ᠶᠢ ᠪᠠᠲᠤᠯᠠᠭᠠᠵᠢᠭᠤᠯᠤᠨ᠎ᠠ᠃ ᠪᠠᠶᠠᠨᠬᠤᠲᠠ ᠪᠠᠯᠭᠠᠰᠤᠨ ᠤ | ᠬᠤᠲᠠ ᠶᠢᠨ ᠰᠢᠢᠳᠪᠤᠷᠢᠯᠡᠭᠰᠡᠨ ᠤᠰᠤ ᠶᠢ ᠲᠠᠬᠢᠨ ᠠᠰᠢᠭᠯᠠᠵᠤ ᠲᠣᠬᠢᠷᠠᠭᠤᠯᠤᠨ ᠬᠠᠳᠠᠭᠠᠯᠠᠬᠤ ᠢᠨᠵᠧᠨᠧᠷᠢᠩ ᠪᠣᠯᠣᠨ | ᠪᠤᠬᠢᠷ ᠤᠰᠤ ᠶᠢ ᠠᠷᠭᠠᠴᠠᠭᠠᠬᠤ ᠲᠥᠷᠥᠯ ᠵᠦᠢᠯ ᠢ ᠡᠬᠢᠯᠡᠭᠦᠯᠵᠦ᠂ ᠰᠢᠢᠳᠪᠤᠷᠢᠯᠡᠭᠰᠡᠨ ᠤᠰᠤᠨ ᠤ ᠳᠠᠬᠢᠨ | ᠠᠰᠢᠭᠯᠠᠯᠲᠠ ᠶᠢ ᠨᠡᠮᠡᠭᠳᠡᠭᠦᠯᠦᠨ᠎ᠡ᠃ ᠵᠢᠷᠭᠤᠭ᠎ᠠ ᠳᠤ᠂ ᠬᠢᠯᠢ ᠰᠠᠬᠢᠭᠴᠢᠳ ᠤᠨ ᠨᠥᠬᠦᠴᠡᠯ ᠢ ᠳᠡᠭᠡᠭᠰᠢᠯᠡᠭᠦᠯᠦᠨ᠎ᠡ᠃ | ᠥᠯᠵᠡᠢ᠂ ᠢᠩᠭᠡᠨ᠂ ᠪᠠᠶᠠᠠᠨᠢᠷᠤᠭᠤᠨ ᠵᠡᠷᠭᠡ ᠬᠢᠯᠢ ᠬᠢᠵᠠᠭᠠᠷ ᠤᠷᠤᠨ ᠤ 5000 ᠮᠠᠯᠴᠢᠨ ᠲᠠᠷᠢᠶᠠᠴᠢᠨ ᠤ ᠬᠥᠮᠥᠨ | ᠮᠠᠯ ᠤᠨ ᠤᠤᠭᠤᠬᠤ ᠤᠰᠤᠨ ᠤ ᠴᠢᠨᠠᠷ ᠢ ᠰᠠᠶᠢᠵᠢᠷᠠᠭᠤᠯᠤᠨ᠎ᠠ᠃ ᠳᠣᠯᠤᠭ᠎ᠠ ᠳᠤ᠂ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠢ ᠰᠠᠶᠢᠵᠢᠷᠠᠭᠤᠯᠤᠨ᠎ᠠ᠃ 1800 ᠡᠷᠦᠬᠡ ᠮᠠᠯᠴᠢᠨ ᠲᠠᠷᠢᠶᠠᠴᠢᠨ ᠳᠤ ᠵᠣᠷᠯᠣᠩ ᠪᠠᠷᠢᠬᠤ᠂ | ᠰᠢᠨ᠎ᠡ ᠪᠠᠷ ᠪᠤᠬᠢᠷ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢ ᠤᠭᠰᠠᠷᠠᠨ᠎ᠠ᠃ ᠨᠠᠢᠮᠠ ᠳᠤ᠂ ᠠᠮᠢᠳᠤᠷᠠᠯ ᠤᠨ | ᠥᠷᠲᠡᠭ ᠢ ᠪᠠᠭᠤᠷᠠᠭᠤᠯᠤᠨ᠎ᠠ᠃ ᠪᠠᠶᠠᠨᠬᠤᠲᠠ ᠶᠢᠨ ᠬᠤᠶᠢᠳᠤ ᠲᠣᠭᠤᠷᠢᠯᠲᠠ ᠶᠢᠨ ᠵᠠᠮ ᠳᠠᠬᠢ ᠲᠠᠷᠢᠶᠠᠯᠠᠩ ᠤᠨ | ᠪᠦᠲᠦᠬᠡᠭᠳᠡᠬᠦᠨ ᠤ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠨ ᠪᠠᠶᠢᠭᠤᠯᠵᠤ᠂ ᠥᠷᠯᠥᠭᠡᠨ ᠤ ᠵᠠᠬ᠎ᠠ ᠪᠣᠯᠣᠨ ᠡᠯ᠎ᠡ | ᠲᠥᠷᠥᠯ ᠤᠨ ᠵᠠᠬ᠎ᠠ ᠳᠡᠯᠭᠡᠭᠦᠷ ᠤᠨ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠵᠤ᠂ ᠳᠤᠷ᠎ᠠ ᠲᠠᠪᠠ ᠪᠠᠷ ᠢᠶᠠᠨ | ᠦᠨ᠎ᠡ ᠬᠠᠩᠰᠢ ᠥᠰᠬᠡᠵᠤ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠰᠠᠮᠠᠭᠤᠷᠠᠭᠤᠯᠤᠭᠰᠠᠨ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠪᠣᠳᠠᠰ ᠤᠨ ᠦᠨ᠎ᠡ ᠶᠢ ᠲᠣᠭᠲᠠᠪᠤᠷᠢᠵᠢᠭᠤᠯᠵᠤ᠂ ᠬᠠᠩᠭᠠᠯᠭ᠎ᠠ ᠶᠢ ᠪᠠᠳᠤᠯᠠᠨ᠎ᠠ᠃ ᠶᠢᠰᠦ ᠳᠤ᠂ | ᠳᠤᠯᠠᠭᠠᠯᠠᠭ᠎ᠠ ᠬᠠᠩᠭᠠᠬᠤ ᠨᠥᠬᠦᠴᠡᠯ ᠢ ᠨᠡᠮᠡᠭᠳᠡᠭᠦᠯᠦᠨ᠎ᠡ᠃ ᠬᠤᠲᠠ ᠶᠢᠨ ᠪᠠᠷᠠᠭᠤᠨ ᠵᠠᠬ᠎ᠠ ᠶᠢᠨ ᠳᠤᠯᠠᠭᠠᠯᠠᠭ᠎ᠠ ᠶᠢᠨ | ᠬᠤᠭᠤᠯᠠᠢ ᠶᠢ 16 ᠺᠢᠯᠣᠮᠧᠲᠷ ᠥᠭᠡᠷᠡᠴᠢᠯᠡᠨ ᠵᠠᠰᠠᠵᠤ᠂ ᠳᠤᠯᠠᠭᠠᠯᠠᠭ᠎ᠠ ᠬᠠᠩᠭᠠᠬᠤ ᠴᠢᠨᠠᠷ ᠢ ᠳᠡᠭᠡᠭᠰᠢᠯᠡᠭᠦᠯᠦᠨ᠎ᠡ᠃ | ᠠᠷᠪᠠ ᠳᠤ᠂ ᠭᠤᠳᠤᠮᠵᠢ ᠶᠢᠨ ᠵᠠᠮ ᠢ ᠥᠭᠡᠷᠡᠴᠢᠯᠡᠨ ᠵᠠᠰᠠᠬᠤ ᠠᠵᠢᠯ ᠢ ᠭᠦᠢᠴᠡᠳᠬᠡᠨ᠎ᠡ᠃ 5 ᠵᠤᠷᠪᠤᠰ | ᠭᠤᠳᠤᠮᠵᠢ ᠶᠢᠨ ᠬᠠᠭᠤᠴᠢᠨ ᠵᠠᠮ ᠢ ᠬᠠᠲᠠᠭᠤᠷᠠᠭᠤᠯᠤᠨ ᠵᠠᠰᠠᠵᠤ᠂ ᠣᠯᠠᠨ ᠲᠦᠮᠡᠨ ᠤ ᠶᠠᠪᠤᠵᠤ ᠰᠠᠭᠤᠬᠤ ᠳᠤ | ᠳᠥᠭᠦᠮ ᠦᠵᠡᠭᠦᠯᠦᠨ᠎ᠡ᠃ |