ᠨᠡᠷᠡᠰ ᠤᠨ ᠳᠠᠶᠢᠯᠪᠤᠷᠢ | 1. ᠭᠤᠷᠪᠠᠨ ᠰᠢᠪᠲᠤᠯᠤᠯᠲᠠ᠄ ᠬᠦᠨᠳᠦ ᠶᠡᠭᠡ ᠠᠶᠤᠯ ᠲᠦᠭᠰᠢᠬᠦᠷᠢ ᠶᠢ ᠰᠡᠷᠭᠡᠶᠢᠯᠡᠨ ᠠᠷᠢᠯᠭᠠᠬᠤ᠂ ᠤᠨᠤᠪᠴᠢᠳᠠᠢ | ᠪᠠᠷ ᠶᠠᠳᠠᠭᠤ ᠠᠴᠠ ᠠᠩᠬᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠶᠢ ᠵᠢᠭᠠᠵᠤ ᠪᠤᠢ᠃ ᠡᠬᠦᠨ ᠢ ᠠᠷᠪᠠᠨ | ᠶᠢᠰᠦᠳᠦᠭᠡᠷ ᠶᠡᠭᠡ ᠬᠤᠷᠠᠯ ᠠᠴᠠ ᠳᠤᠷᠠᠳᠴᠠᠢ᠃ | 2. ᠤᠷᠤᠨ ᠨᠤᠲᠤᠭ ᠤᠨ ᠡᠮ ᠤᠨ ᠮᠠᠲ᠋ᠧᠷᠢᠶᠠᠯ᠄ ᠬᠢᠲᠠᠳ ᠡᠮᠨᠡᠯᠭᠡ ᠶᠢᠨ ᠴᠢᠨᠠᠷ ᠰᠠᠶᠢᠲᠠᠢ ᠡᠮ ᠤᠨ ᠮᠠᠲ᠋ᠧᠷᠢᠶᠠᠯ ᠤᠨ | ᠲᠥᠯᠥᠭᠡᠯᠡᠬᠦ ᠨᠡᠷ᠎ᠡ ᠪᠣᠯᠣᠨ᠎ᠠ ᠃ ᠵᠣᠬᠢᠬᠤ ᠪᠠᠶᠢᠭᠠᠯᠢ ᠶᠢᠨ ᠨᠥᠬᠦᠴᠡᠯ ᠪᠣᠯᠣᠨ ᠠᠮᠢ ᠠᠬᠤᠢ ᠶᠢᠨ ᠣᠷᠴᠢᠨ ᠤ | ᠪᠦᠰᠡ ᠳᠤ ᠪᠤᠢ ᠪᠣᠯᠣᠭᠰᠠᠨ ᠡᠮ ᠤᠨ ᠮᠠᠲ᠋ᠧᠷᠢᠶᠠᠯ ᠪᠠᠶᠢᠵᠤ᠂ ᠦᠢᠯᠡᠳᠪᠦᠷᠢᠯᠡᠯ ᠨᠢ ᠲᠥᠪᠯᠡᠷᠡᠩᠭᠦᠢ᠂ ᠵᠣᠬᠢᠬᠤ | ᠬᠡᠮᠵᠢᠶᠡᠨ ᠤ ᠪᠣᠶᠢᠵᠢᠭᠤᠯᠬᠤ ᠮᠡᠷᠭᠡᠵᠢᠯ ᠪᠣᠯᠣᠨ ᠲᠡᠭᠦᠵᠦ ᠬᠤᠷᠢᠶᠠᠨ ᠴᠤᠭᠯᠠᠭᠤᠯᠵᠤ᠂ ᠲᠤᠰᠬᠠᠢ | ᠪᠣᠯᠪᠠᠰᠤᠷᠠᠭᠤᠯᠤᠯᠲᠠ ᠶᠢᠨ ᠠᠷᠭ᠎ᠠ ᠮᠡᠷᠭᠡᠵᠢᠯ ᠲᠠᠢ ᠪᠠᠶᠢᠵᠤ᠂ ᠴᠢᠨᠠᠷ ᠪᠣᠷᠣᠯᠠᠭᠤᠯᠭ᠎ᠠ ᠰᠠᠶᠢᠲᠠᠢ᠂ ᠳᠤᠮᠳᠠᠳᠤ ᠶᠢᠨ | ᠡᠮᠨᠡᠯᠭᠡ ᠶᠢᠨ ᠡᠮᠴᠢᠯᠡᠭᠡᠨ ᠤ ᠰᠠᠯᠪᠤᠷᠢ ᠶᠢᠨ ᠵᠥᠪᠰᠢᠶᠡᠷᠡᠭᠳᠡᠭᠰᠡᠨ ᠡᠮ ᠤᠨ ᠮᠠᠲ᠋ᠧᠷᠢᠶᠠᠯ ᠢ ᠵᠢᠭᠠᠨ᠎ᠠ᠃ | 3. ᠤᠯᠤᠰ ᠤᠨ ᠭᠤᠣᠯᠳᠠᠯᠭᠠᠲᠤ ᠠᠮᠢ ᠠᠬᠤᠢ ᠶᠢᠨ ᠴᠢᠳᠠᠮᠵᠢ ᠶᠢᠨ ᠤᠷᠤᠨ᠄ ᠮᠠᠨ ᠤ ᠤᠯᠤᠰ ᠤᠨ ᠤᠯᠤᠰ ᠤᠨ | ᠭᠠᠵᠠᠷ ᠰᠢᠷᠣᠢ ᠡᠬᠢ ᠪᠠᠶᠠᠯᠢᠭ ᠤᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠵᠦ᠂ ᠭᠤᠣᠯ ᠴᠢᠳᠠᠪᠬᠢᠲᠤ ᠪᠦᠰᠡ ᠶᠢᠨ | ᠳᠦᠷᠢᠮ ᠢ ᠵᠠᠪᠠᠯ ᠬᠡᠷᠡᠭᠵᠢᠭᠦᠯᠬᠦ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠳᠤ ᠵᠣᠷᠢᠭᠤᠯᠵᠤ | ᠢᠯᠭᠠᠨ ᠲᠣᠭᠲᠠᠭᠠᠭᠰᠠᠨ ᠭᠤᠣᠯᠳᠠᠯᠭᠠᠲᠤ ᠪᠦᠰᠡ ᠪᠣᠯᠣᠨ᠎ᠠ᠃ | 4. ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ᠄ ᠡᠯ᠎ᠡ ᠱᠠᠲᠤᠨ ᠤ ᠨᠠᠮ ᠵᠠᠰᠠᠭ ᠤᠨ ᠭᠤᠣᠯ | ᠬᠠᠷᠢᠭᠤᠴᠠᠬᠤ ᠬᠥᠮᠥᠰ ᠤᠨ ︽ᠭᠤᠣᠯ ᠮᠦᠷᠡᠨ ᠤ ᠳᠠᠷᠤᠭ᠎ᠠ︾᠂ ︽ᠨᠠᠭᠤᠷ ᠴᠦᠬᠦᠷᠦᠮ ᠤᠨ ᠳᠠᠷᠤᠭ᠎ᠠ︾ ᠶᠢ | ᠡᠭᠦᠷᠭᠡᠯᠡᠵᠦ᠂ ᠨᠠᠭᠤᠷ ᠤᠨ ᠬᠠᠮᠢᠶᠠᠷᠤᠯᠲᠠ ᠪᠣᠯᠣᠨ ᠬᠠᠮᠠᠭᠠᠯᠠᠯᠲᠠ ᠶᠢᠨ ᠠᠵᠢᠯ ᠢ ᠬᠠᠷᠢᠭᠤᠴᠠᠨ ᠵᠣᠬᠢᠶᠠᠨ | ᠪᠠᠶᠢᠭᠤᠯᠬᠤ ᠠᠵᠢᠯ ᠢ ᠵᠢᠭᠠᠨ᠎ᠠ᠃ | 5. ᠠᠵᠢᠯ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ᠄ ᠣᠯᠠᠨ ᠤᠯᠤᠰ ᠤᠨ ᠵᠢᠱᠢᠭ ᠪᠣᠯᠣᠨ ᠪᠤᠰᠤᠳ | ᠠᠶᠠᠯᠠᠯᠲᠠ ᠶᠢᠨ ᠣᠨᠴᠠᠯᠢᠭ ᠤᠨ ᠪᠠᠶᠢᠳᠠᠯ ᠢ ᠦᠨᠳᠦᠰᠦᠯᠡᠨ᠂ ᠠᠭᠠᠷ ᠠᠶᠠᠯᠠᠯ ᠢ ᠳᠠᠭᠠᠭᠠᠴᠢᠯᠠᠭᠰᠠᠨ ᠬᠥᠮᠦᠰ ᠤᠨ | ᠪᠠᠭ᠎ᠠ ᠬᠡᠮᠵᠢᠶᠡᠨ ᠤ ᠠᠭᠠᠷ ᠠᠶᠠᠯᠠᠯ ᠤᠨ ᠲᠥᠬᠦᠭᠡᠷᠦᠮᠵᠢ ᠪᠠᠷ ᠲᠣᠭᠲᠠᠮᠠᠯ ᠬᠤᠭᠤᠴᠠᠭ᠎ᠠ ᠲᠠᠢ ᠪᠤᠶᠤ ᠲᠣᠭᠲᠠᠮᠠᠯ ᠪᠤᠰᠤ | ᠬᠤᠭᠤᠴᠠᠭ᠎ᠠ ᠲᠠᠢ ᠪᠠᠷ ᠠᠭᠠᠷ ᠠᠶᠠᠯᠠᠯ ᠤᠨ ᠲᠡᠭᠡᠭᠡᠪᠦᠷᠢ ᠶᠢᠨ ᠦᠢᠯᠡᠴᠢᠯᠡᠭᠡ ᠶᠢ ᠶᠠᠪᠤᠭᠳᠠᠭᠤᠯᠬᠤ ᠨᠢᠰᠭᠡᠯ ᠤᠨ | ᠪᠠᠭᠤᠳᠠᠯ᠃ ᠠᠵᠢᠯ ᠤᠨ ᠬᠡᠷᠡᠭᠯᠡᠭᠡᠨ ᠤ ᠠᠭᠠᠷ ᠠᠶᠠᠯᠠᠯ ᠨᠢ ᠣᠯᠠᠩᠬᠢ ᠤᠯᠤᠰ ᠤᠨ ᠪᠤᠶᠢᠳᠠ ᠬᠤᠯᠠ ᠣᠷᠣᠨ ᠤ | ᠪᠦᠰᠡ ᠨᠤᠲᠤᠭ ᠤᠨ ᠬᠤᠭᠤᠷᠣᠨᠳᠤᠬᠢ ᠵᠠᠮ ᠬᠠᠷᠢᠯᠴᠠᠭ᠎ᠠ ᠶᠢᠨ ᠬᠦᠴᠢᠷᠳᠡᠯᠲᠡᠢ ᠪᠠᠶᠢᠳᠠᠯ ᠢ ᠰᠢᠢᠳᠪᠦᠷᠢᠯᠡᠬᠦ ᠶᠢᠨ | ᠲᠤᠰᠠᠳᠠ ᠬᠡᠷᠡᠭᠵᠢᠭᠦᠯᠦᠭᠰᠡᠨ ᠨᠢᠭᠡᠨ ᠵᠦᠢᠯ ᠤᠨ ᠠᠭᠠᠷ ᠠᠶᠠᠯᠠᠯ ᠤᠨ ᠲᠡᠭᠡᠭᠡᠪᠦᠷᠢ ᠶᠢᠨ ᠠᠷᠭ᠎ᠠ ᠬᠡᠯᠪᠡᠷᠢ ᠪᠣᠯᠣᠨ᠎ᠠ᠂ | ᠠᠭᠠᠷ ᠤᠨ ᠲᠡᠭᠡᠭᠡᠪᠦᠷᠢ ᠶᠢᠨ ᠴᠢᠬᠤᠯᠠ ᠬᠡᠰᠡᠭ ᠨᠢ ᠪᠠᠶᠢᠵᠤ᠂ ᠰᠠᠯᠪᠤᠷᠢ ᠱᠤᠭᠤᠮ ᠪᠣᠯᠣᠨ ᠭᠤᠣᠯ ᠱᠤᠭᠤᠮ ᠤᠨ | ᠲᠡᠭᠡᠭᠡᠪᠦᠷᠢ ᠶᠢᠨ ᠠᠭᠠᠷ ᠠᠶᠠᠯᠠᠯ ᠤᠨ ᠬᠠᠮᠲᠤᠷᠠᠨ ᠪᠣᠢ ᠪᠣᠯᠭᠠᠭᠰᠠᠨ ᠲᠡᠭᠡᠭᠡᠪᠦᠷᠢ ᠶᠢᠨ ᠰᠦᠯᠵᠢᠶᠡᠨ ᠤ ᠰᠢᠰᠲ᠋ᠧᠮ | ᠪᠠᠶᠢᠵᠤ᠂ ᠠᠳᠠᠯᠢ ᠪᠤᠰᠤ ᠵᠣᠷᠢᠯᠭ᠎ᠠ ᠲᠠᠢ ᠵᠠᠬ᠎ᠠ ᠳᠡᠯᠭᠡᠭᠦᠷ ᠤᠨ ᠱᠠᠭᠠᠷᠳᠠᠯᠭ᠎ᠠ ᠶᠢ ᠬᠠᠩᠭᠠᠳᠠᠭ᠃ | 6. ᠨᠢᠰᠬᠡᠯ ᠤᠨ ᠰᠠᠯᠪᠤᠷᠢ ᠱᠤᠭᠤᠮ᠄ ᠵᠢᠯ ᠤᠨ ᠨᠡᠪᠲᠡᠷᠡᠭᠦᠯᠬᠦ ᠠᠶᠠᠯᠠᠭᠴᠢ ᠶᠢᠨ ᠲᠤᠭ᠎ᠠ ᠨᠢ 300 ᠲᠦᠮᠡᠨ | ᠬᠥᠮᠥᠨ ᠠᠴᠠ ᠳᠣᠭᠤᠭᠰᠢ᠂ ᠡᠰᠡᠬᠦᠯ᠎ᠡ 300 ᠲᠦᠮᠡ ᠠᠴᠠ ᠳᠡᠭᠡᠭᠰᠢ ᠪᠣᠯᠪᠠᠴᠤ ᠪᠠᠶᠢᠷᠢᠰᠢᠭ᠎ᠠ ᠭᠠᠵᠠᠷ ᠨᠢ | ᠪᠥᠭᠯᠡᠭᠦᠦ ᠬᠤᠯᠠ ᠨᠢᠰᠭᠡᠯ ᠤᠨ ᠲᠠᠯᠠᠪᠠᠢ ᠶᠢ ᠬᠡᠯᠡᠨ᠎ᠡ᠃ ᠰᠠᠯᠪᠤᠷᠢ ᠱᠤᠭᠤᠮ ᠤᠨ ᠨᠢᠰᠭᠡᠯ ᠤᠨ ᠲᠠᠯᠠᠪᠠᠢ ᠨᠢ ᠣᠳᠣᠬᠠᠨ | ᠪᠣᠯᠣᠨ ᠤᠷᠢᠳᠴᠢᠯᠠᠭᠰᠠᠨ ᠴᠠᠭ ᠬᠤᠭᠤᠴᠠᠭᠠᠨ ᠳᠤ᠂ ᠠᠶᠠᠯᠠᠯ ᠤᠨ ᠱᠤᠭᠤᠮ ᠨᠢ ᠭᠤᠣᠯᠳᠠᠭᠤ ᠨᠢᠭᠡ ᠤᠷᠤᠰᠬᠠᠯ ᠢᠶᠠᠷ | ᠨᠡᠪᠲᠡᠷᠡᠵᠦ᠂ ᠬᠠᠮᠤᠷᠬᠤ ᠬᠡᠪᠴᠢᠶ᠎ᠡ ᠨᠢ ᠪᠠᠭ᠎ᠠ᠂ ᠠᠶᠠᠯᠠᠯ ᠤᠨ ᠡᠭᠡᠯᠵᠢ ᠨᠢ ᠤᠯᠤᠰ ᠤᠨ ᠳᠣᠲᠣᠭᠠᠳᠤ ᠪᠣᠯᠣᠨ | ᠥᠪᠡᠷᠲᠡᠭᠡᠨ ᠵᠠᠰᠠᠬᠤ ᠣᠷᠣᠨ ︵ᠮᠤᠵᠢ︶ ᠳᠠᠭᠠᠨ ᠨᠡᠪᠲᠡᠷᠡᠬᠦ ᠪᠠᠷ ᠭᠤᠣᠯᠯᠠᠳᠠᠭ᠃ ᠰᠠᠯᠪᠤᠷᠢ ᠨᠢᠰᠭᠡᠯ ᠤᠨ ᠪᠠᠭᠤᠳᠠᠯ | ᠨᠢ ᠨᠡᠶᠢᠰᠯᠡᠯ᠂ ᠥᠪᠡᠷᠲᠡᠭᠡᠨ ᠵᠠᠰᠠᠬᠤ ᠣᠷᠣᠨ ︵ᠮᠤᠵᠢ︶ ᠤ ᠲᠥᠪ ᠠᠴᠠ ᠥᠭᠡᠷ᠎ᠡ ᠬᠤᠲᠠ ᠤᠳ ᠲᠤ ᠪᠠᠶᠢᠷᠢᠯᠠᠵᠤ᠂ | ᠦᠢᠯᠡᠴᠢᠯᠡᠬᠦ ᠠᠶᠠᠯᠠᠭᠴᠢ ᠨᠢ ᠲᠤᠰ ᠭᠠᠵᠠᠷ ᠣᠷᠣᠨ ᠤ ᠠᠶᠠᠯᠠᠭᠴᠢ ᠪᠠᠷ ᠭᠤᠣᠯᠯᠠᠨ᠎ᠠ᠃ | 7. ᠬᠤᠲᠠ ᠶᠢᠨ ᠬᠤᠣᠰ ᠵᠠᠰᠠᠯᠲᠠ᠄ ᠠᠮᠢ ᠠᠬᠤᠢ ᠶᠢᠨ ᠵᠠᠰᠠᠨ ᠰᠡᠷᠭᠦᠭᠡᠬᠦ᠂ ᠬᠤᠲᠠ ᠶᠢᠨ ᠵᠠᠰᠠᠨ ᠰᠢᠨᠡᠳᠭᠡᠬᠦ᠂ | ᠳᠠᠷᠤᠢ ︽ᠬᠤᠲᠠ ᠶᠢᠨ ᠡᠪᠡᠳᠴᠢᠨ︾ ᠶᠢ ᠵᠠᠰᠠᠨ ᠰᠠᠶᠢᠵᠢᠷᠠᠭᠤᠯᠵᠤ᠂ ᠠᠷᠠᠳ ᠤᠨ ᠠᠮᠢᠳᠤᠷᠠᠯ ᠤᠨ ᠣᠷᠴᠢᠨ | ᠲᠣᠭᠤᠷᠢᠨ ᠢ ᠰᠠᠶᠢᠵᠢᠷᠠᠭᠤᠯᠵᠤ᠂ ᠬᠤᠲᠠ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠥᠭᠡᠷᠡᠴᠢᠯᠡᠬᠦ ᠪᠦᠲᠦᠮᠵᠢᠲᠡᠢ | ᠠᠷᠭ᠎ᠠ ᠠᠪᠴᠢᠯ ᠪᠠᠶᠢᠵᠤ᠂ ᠡᠪᠳᠡᠭᠳᠡᠭᠰᠡᠨ ᠠᠭᠤᠯᠠ ᠨᠢᠷᠤᠭᠤ᠂ ᠭᠤᠣᠯ ᠮᠥᠷᠡᠨ᠂ ᠨᠤᠭᠤ ᠭᠠᠵᠠᠷ᠂ ᠤᠷᠭᠤᠮᠠᠯ ᠤᠨ | ᠬᠤᠴᠢᠯᠭ᠎ᠠ ᠶᠢ ᠲᠥᠯᠥᠪᠯᠡᠭᠡ ᠲᠠᠢ ᠪᠠᠷ ᠰᠡᠷᠭᠦᠭᠡᠨ ᠰᠠᠶᠢᠵᠢᠷᠠᠭᠤᠯᠬᠤ ᠶᠢ ᠬᠡᠯᠡᠨ᠎ᠡ᠃ | 8. ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ᠄ ᠵᠠᠰᠠᠭ ᠢ ᠴᠣᠮᠬᠠᠳᠬᠠᠵᠤ ᠡᠷᠬᠡ ᠶᠢ ᠲᠤᠷᠤᠬᠰᠢ ᠪᠠᠭᠤᠯᠭᠠᠬᠤ᠂ | ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠣᠪᠴᠢᠯᠠᠯ᠃ ︽ | ᠪᠠᠭᠤᠯᠭᠠᠬᠤ︾ ᠨᠢ ᠵᠠᠰᠠᠭ ᠢ ᠴᠣᠮᠬᠠᠳᠬᠠᠵᠤ ᠡᠷᠬᠡ ᠶᠢ ᠲᠤᠷᠤᠬᠰᠢ ᠪᠠᠭᠤᠯᠭᠠᠬᠤ᠂ ︽ᠬᠠᠮᠢᠶᠠᠷᠬᠤ︾ ᠨᠢ ᠲᠥᠪ | ᠭᠤᠣᠯᠴᠢ ᠪᠠᠷ ᠬᠢᠨᠠᠨ ᠪᠠᠶᠢᠴᠠᠭᠠᠵᠤ᠂ ᠡᠷᠬᠡ ᠲᠡᠭᠰᠢ ᠪᠠᠷ ᠥᠷᠢᠰᠦᠯᠳᠦᠬᠦ ᠶᠢ ᠨᠢ ᠠᠬᠢᠭᠤᠯᠤᠨ᠎ᠠ᠃ ︽ᠦᠢᠯᠡᠴᠢᠯᠡᠬᠦ | ︾ ᠨᠢ ᠪᠦᠲᠦᠭᠡᠮᠵᠢᠲᠡᠢ ᠦᠢᠯᠡᠴᠢᠯᠡᠭᠡ᠂ ᠳᠥᠭᠦᠮ ᠲᠥᠳᠡ ᠨᠥᠬᠦᠴᠡᠯ ᠢ ᠪᠣᠢ ᠪᠣᠯᠭᠠᠨ᠎ᠠ᠃ | 9. 3550᠄ ︽3︾ ᠨᠢ ᠭᠤᠷᠪᠠᠨ ᠠᠵᠢᠯᠯᠠᠬᠤ ᠡᠳᠦᠷ ᠲᠤ ᠠᠵᠤ ᠠᠬᠤᠶᠢᠯᠠᠯ ᠪᠦᠷᠢᠳᠬᠡᠨ ᠳᠠᠩᠰᠠᠯᠠᠵᠤ | ᠠᠵᠢᠯᠯᠠᠭ᠎ᠠ ᠪᠠᠨ ᠡᠬᠢᠯᠡᠭᠦᠯᠬᠦ ᠶᠢ ᠬᠡᠯᠡᠨ᠎ᠡ᠂ ︽5︾ ᠨᠢ ᠲᠠᠪᠤᠨ ᠠᠵᠢᠯᠯᠠᠬᠤ ᠡᠳᠦᠷ ᠲᠤ ᠥᠯᠥ ᠬᠥᠳᠡᠯᠬᠦ | ᠬᠥᠷᠥᠩᠭᠡ ᠶᠢᠨ ᠪᠦᠷᠢᠳᠬᠡᠭᠦᠯᠬᠦ ᠡᠷᠬᠡ ᠶᠢᠨ ᠦᠨᠡᠮᠯᠡᠯ ᠤᠨ ᠭᠠᠷᠳᠠᠮ ᠢᠶᠠᠨ ᠬᠦᠢᠴᠡᠳᠬᠡᠵᠤ ᠴᠢᠳᠠᠬᠤ ᠪᠣᠯᠬᠤ᠂ ︽ | 50︾ ᠨᠢ 50 ᠠᠵᠢᠯᠯᠠᠬᠤ ᠡᠳᠦᠷ ᠲᠤ ᠠᠵᠤ ᠦᠢᠯᠡᠳᠪᠦᠷᠢᠯᠡᠯ ᠤᠨ ᠪᠠᠶᠢᠭᠤᠯᠤᠯᠲᠠ ᠶᠢᠨ ᠲᠥᠷᠥᠯ ᠵᠦᠢᠯ ᠤᠨ | ᠪᠠᠷᠢᠯᠭ᠎ᠠ ᠪᠠᠨ ᠡᠬᠢᠯᠡᠭᠦᠯᠬᠦ ᠵᠥᠪᠰᠢᠶᠡᠷᠡᠯ ᠤᠨ ᠦᠨᠡᠮᠯᠡᠯ ᠤᠨ ᠭᠠᠷᠳᠠᠮ ᠢᠶᠠᠨ ᠬᠦᠢᠴᠡᠳᠬᠡᠵᠤ ᠴᠢᠳᠠᠬᠤ ᠪᠣᠯᠬᠤ ᠶᠢ | ᠵᠢᠭᠠᠨ᠎ᠠ᠃ | 10.ᠦᠨᠡᠮᠯᠡᠯ ᠢ ᠴᠥᠭᠡᠳᠬᠡᠵᠦ ᠠᠷᠠᠳ ᠲᠤ ᠳᠥᠭᠦᠮ ᠦᠵᠡᠬᠦᠯᠬᠦ᠄ ᠡᠯ᠎ᠡ ᠲᠥᠷᠥᠯ ᠤᠨ ᠬᠡᠷᠡᠭᠴᠡᠭᠡ ᠦᠭᠡᠢ ᠭᠡᠷᠡᠴᠢ | ᠪᠣᠯᠣᠨ ᠭᠠᠷᠳᠠᠮ ᠢ ᠦᠭᠡᠶᠢᠰᠬᠡᠵᠦ᠂ ᠬᠠᠮᠤᠭ ᠤᠨ ᠶᠡᠭᠡ ᠬᠡᠮᠵᠢᠶ᠎ᠡ ᠪᠠᠷ ᠬᠢᠨᠠᠨ ᠴᠤᠬᠤᠯᠲᠠ ᠶᠢᠨ ᠡᠮᠦᠨᠡᠬᠢ | ᠮᠠᠲ᠋ᠧᠷᠢᠶᠠᠯ ᠢ ᠴᠡᠭᠴᠡᠯᠡᠨ ᠴᠥᠭᠡᠳᠬᠡᠵᠦ᠂ ᠬᠠᠮᠢᠶ᠎ᠠ ᠪᠦᠬᠦᠢ ᠦᠨᠡᠮᠯᠡᠬᠦ ᠶᠢᠨ ᠵᠢᠯ ᠤᠨ ᠪᠠᠶᠢᠴᠠᠭᠠᠯᠲᠠ ᠪᠣᠯᠣᠨ | ᠵᠠᠰᠠᠭ ᠤᠨ ᠣᠷᠳᠣᠨ ᠤ ᠲᠤᠰᠬᠠᠢ ᠪᠣᠯᠪᠠᠰᠤᠷᠠᠯ ᠢ ᠶᠡᠬᠡᠪᠡᠷ ᠪᠠᠭᠠᠰᠬᠠᠨ ᠴᠥᠭᠡᠳᠬᠡᠨ᠎ᠡ᠃ | 11. ᠭᠤᠷᠪᠠᠨ ᠬᠠᠩᠭᠠᠯᠭ᠎ᠠ ᠨᠢᠭᠡ ᠦᠢᠯᠡᠰ᠄ ᠲᠥᠷᠥ ᠶᠢᠨ ᠥᠮᠴᠢᠲᠤ ᠠᠵᠤ ᠠᠬᠤᠶᠢᠯᠠᠯ ︵ᠠᠵᠤ ᠠᠬᠤᠶᠢᠯᠠᠯ | ᠪᠣᠯᠣᠨ ᠰᠢᠨᠵᠢᠯᠡᠭᠡ ᠰᠤᠳᠤᠯᠭ᠎ᠠ ᠶᠢᠨ ᠬᠦᠷᠢᠶᠡᠯᠡᠩ︶ ᠨᠢ ᠭᠡᠷ ᠪᠦᠯᠢ ᠶᠢᠨ ᠲᠣᠭᠤᠷᠢᠭ ᠤᠨ ᠤᠰᠤ᠂ ᠴᠠᠬᠢᠯᠭᠠᠨ᠂ | ᠳᠤᠯᠠᠭᠠᠯᠠᠭ᠎ᠠ ᠪᠣᠯᠣᠨ ᠡᠳ᠋ᠯᠡᠩ ᠤᠨ ᠬᠠᠮᠢᠶᠠᠷᠤᠯᠲᠠ ᠶᠢᠨ ᠴᠢᠳᠠᠪᠬᠢ ᠶᠢ ᠲᠥᠷᠥ ᠶᠢᠨ ᠥᠮᠴᠢᠲᠤ ᠠᠵᠤ | ᠠᠬᠤᠶᠢᠯᠠᠯ ᠠᠴᠠ ᠲᠤᠰᠠᠭᠠᠷᠯᠠᠨ ᠡᠵᠡᠩᠨᠡᠬᠦ ᠶᠢ ᠬᠡᠯᠡᠨ᠎ᠡ᠃ | 12. ᠣᠷᠣᠨ ᠠᠯᠤᠰᠯᠠᠭᠰᠠᠨ ᠠᠵᠤ ᠠᠬᠤᠢ᠄ ᠬᠤᠶᠠᠷ ᠲᠤᠰᠠᠭᠠᠷ᠂ ᠠᠵᠤ ᠠᠬᠤᠢ ᠶᠢᠨ ᠬᠥᠭᠵᠢᠯᠲᠡ ᠶᠢᠨ ᠵᠥᠷᠢᠶ᠎ᠡ | ᠲᠠᠢ ᠵᠠᠰᠠᠭ ᠵᠠᠬᠢᠷᠭᠠᠨ ᠤ ᠪᠦᠰᠡ ᠨᠢ ᠤᠤᠯ ᠤᠨ ᠵᠠᠰᠠᠭ ᠵᠠᠬᠢᠷᠭᠠᠨ ᠤ ᠬᠤᠪᠢᠶᠠᠷᠢᠯᠠᠯᠲᠠ ᠶᠢᠨ ᠬᠢᠵᠠᠭᠠᠷᠯᠠᠯ ᠢ ᠳᠠᠪᠠᠵᠤ᠂ | ᠣᠷᠣᠨ ᠵᠠᠢ ᠶᠢᠨ ᠬᠢᠵᠠᠭᠠᠷᠯᠠᠯ ᠦᠭᠡᠢ ᠪᠠᠷ ᠵᠠᠰᠠᠭ ᠵᠠᠬᠢᠷᠭᠠᠨ ᠤ ᠬᠠᠮᠢᠶᠠᠷᠤᠯᠲᠠ ᠪᠣᠯᠣᠨ ᠠᠵᠤ ᠠᠬᠤᠢ ᠶᠢᠨ | ᠨᠡᠭᠡᠭᠡᠯᠲᠡ ᠶᠢ ᠳᠠᠮᠵᠢᠨ᠂ ᠬᠤᠶᠠᠷ ᠣᠷᠣᠨ ᠤ ᠡᠳ᠋ ᠬᠥᠷᠥᠩᠭᠡ ᠶᠢᠨ ᠬᠠᠷᠢᠯᠴᠠᠨ ᠨᠥᠬᠦᠪᠦᠷᠢᠯᠡᠬᠦ᠂ ᠠᠵᠤ ᠠᠬᠤᠢ ᠶᠢ | ᠤᠶᠠᠯᠳᠤᠭᠤᠯᠤᠨ ᠬᠥᠭᠵᠢᠭᠦᠯᠬᠦ ᠨᠢᠭᠡ ᠵᠦᠢᠯ ᠤᠨ ᠪᠦᠰᠡ ᠨᠤᠲᠤᠭ ᠤᠨ ᠠᠵᠤ ᠠᠬᠤᠢ ᠶᠢᠨ ᠬᠠᠮᠲᠤᠷᠠᠯᠴᠠᠭᠠᠨ ᠤ | ᠬᠡᠯᠪᠡᠷᠢ᠃ | 13. ︽ᠵᠠᠭᠤ ᠮᠢᠩᠭ᠎ᠠ ᠲᠦᠮᠡ︾ ᠶᠢᠨ ᠢᠨᠵᠧᠨᠧᠷᠢᠩ᠄ ᠵᠠᠭᠤᠨ ᠨᠡᠷᠡᠰ ᠰᠤᠷᠭᠠᠨ ᠬᠥᠮᠥᠵᠢᠯ ᠤᠨ ᠲᠤᠰᠬᠠᠢ | ᠴᠢᠳᠠᠪᠤᠷᠢᠲᠠᠨ ᠤ ᠬᠢᠴᠢᠶᠡᠯᠯᠡᠭᠡ ᠶᠢᠨ ᠲᠠᠩᠬᠢᠮ ᠳᠤ ᠰᠤᠷᠭᠠᠨ ᠬᠥᠮᠥᠵᠢᠯ ᠤᠨ ᠥᠭᠡᠷᠡᠴᠢᠯᠡᠯᠲᠡ ᠶᠢᠨ ᠠᠵᠢᠯ ᠳᠤ | ᠣᠷᠣᠯᠴᠠᠬᠤ᠃ ᠣᠯᠠᠨ ᠮᠢᠩᠭᠠᠨ ᠨᠢᠭᠡᠳᠦᠭᠡᠷ ᠹᠷᠤᠨᠲ ᠤᠨ ᠪᠠᠭᠰᠢ ᠨᠠᠷ ᠤᠨ ᠰᠤᠷᠭᠠᠨ ᠬᠥᠮᠥᠵᠢᠯ ᠤᠨ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠳᠤ ᠣᠷᠣᠯᠴᠠᠬᠤ᠃ ᠣᠯᠠᠨ ᠲᠦᠮᠡᠨ ᠰᠤᠷᠤᠭᠴᠢᠳ ᠬᠢᠴᠢᠶᠡᠯᠯᠡᠭᠡ ᠶᠢᠨ ᠭᠤᠣᠯ | ᠴᠣᠭᠴᠠ ᠪᠣᠯᠬᠤ᠂ ᠣᠯᠠᠨ ᠲᠦᠮᠡᠨ ᠭᠡᠷ ᠤᠨ ᠠᠬᠠᠮᠠᠳ ᠰᠤᠷᠭᠠᠭᠤᠯᠢ ᠶᠢᠨ ᠬᠦᠷᠢᠶᠡᠨ ᠳᠤ ᠣᠷᠣᠵᠤ ᠰᠤᠷᠭᠠᠨ | ᠬᠥᠮᠥᠵᠢᠯ ᠤᠨ ᠵᠢᠭᠠᠨ ᠰᠤᠷᠭᠠᠯᠲᠠ ᠶᠢᠨ ᠪᠠᠶᠢᠳᠠᠯ ᠪᠣᠯᠣᠨ ᠵᠣᠷᠢᠯᠭ᠎ᠠ ᠲᠠᠢ ᠨᠢ ᠲᠠᠨᠢᠯᠴᠠᠵᠤ᠂ ᠭᠡᠷ ᠪᠦᠯᠢ ᠶᠢᠨ | ᠰᠤᠷᠭᠠᠨ ᠬᠥᠮᠥᠵᠢᠯ ᠪᠣᠯᠣᠨ ᠰᠤᠷᠭᠠᠭᠤᠯᠢ ᠶᠢᠨ ᠬᠥᠮᠥᠵᠢᠯ ᠳᠤ ᠬᠠᠮᠲᠤ ᠶᠢᠨ ᠲᠠᠨᠢᠯᠲᠠ ᠲᠠᠢ ᠪᠣᠯᠵᠤ᠂ ᠬᠠᠮᠲᠤ ᠶᠢᠨ | ᠬᠦᠴᠦᠨ ᠢ ᠪᠣᠢ ᠪᠣᠯᠭᠠᠨ᠎ᠠ᠃ | 14. ᠬᠤᠶᠠᠷ ᠪᠠᠷᠢᠮᠳᠠ ᠶᠢᠨ ᠳᠦᠷᠢᠮ᠄ ᠡᠮ ᠤᠨ ᠪᠦᠲᠦᠬᠡᠭᠳᠡᠭᠦᠨ ᠢ ᠡᠮᠨᠡᠯᠭᠡ ᠶᠢᠨ ᠦᠢᠯᠡᠳᠪᠦᠷᠢ ᠠᠴᠠ ᠠᠩᠬᠠᠨ ᠤ | ᠬᠤᠳᠠᠯᠳᠤᠭᠴᠢ ᠠᠴᠠ ᠨᠢᠭᠡ ᠤᠳᠠᠭ᠎ᠠ ᠪᠠᠷᠢᠮᠲᠠ ᠭᠠᠷᠭᠠᠵᠤ᠂ ᠬᠤᠳᠠᠯᠳᠤᠭᠠᠯᠠᠭᠴᠢ ᠠᠴᠠ ᠳᠠᠬᠢᠨ ᠡᠮᠨᠡᠯᠭᠡ ᠶᠢᠨ | ᠬᠤᠷᠢᠶᠠᠨ ᠳᠤ ᠬᠤᠳᠠᠯᠳᠤᠨ ᠥᠭᠬᠦ ᠳᠤ ᠪᠠᠰᠠ ᠨᠢᠭᠡ ᠤᠳᠠᠭ᠎ᠠ ᠪᠠᠷᠢᠮᠲᠠ ᠭᠠᠷᠭᠠᠵᠤ᠂ ᠡᠷᠬᠢᠯᠲᠡ ᠶᠢᠨ | ᠶᠠᠪᠤᠴᠠ ᠳᠠᠬᠢ ᠠᠰᠢᠭ ᠤᠨ ᠬᠢᠬᠠᠯᠲᠠ ᠶᠢ ᠪᠠᠭᠠᠰᠬᠠᠵᠤ᠂ ᠲᠥᠷᠥᠯ ᠪᠦᠷᠢ ᠶᠢᠨ ᠨᠢᠭᠡᠳᠡᠬᠢ ᠬᠤᠳᠠᠯᠳᠤᠭᠠᠯᠠᠭᠴᠢ ᠶᠢ | 2 ᠠᠴᠠ ᠬᠡᠲᠦᠷᠡᠭᠦᠯᠬᠦ ᠦᠭᠡᠢ ᠪᠠᠶᠢᠯᠭᠠᠬᠤ᠃ | 15. APP᠄ ᠤᠶᠤᠨᠲᠤ ᠭᠠᠷ ᠤᠲᠠᠰᠤᠨ ᠤ ᠬᠡᠷᠡᠭᠯᠡᠭᠡᠨ ᠳᠤ ᠵᠣᠷᠢᠭᠤᠯᠤᠭᠰᠠᠨ ᠭᠤᠷᠪᠠᠳᠠᠭᠴᠢ ᠡᠳᠡᠬᠡᠳ ᠤᠨ | ᠫᠷᠣᠭ᠍ᠷᠠᠮ ︵ᠰᠤᠹᠲ︶᠃ | 16. ᠵᠢᠷᠭᠤᠭ᠎ᠠ ᠶᠢ ᠲᠣᠭᠲᠠᠭᠤᠨ ᠪᠠᠶᠢᠯᠭᠠᠬᠤ᠄ ᠠᠵᠢᠯ ᠣᠯᠭᠤᠯᠲᠠ ᠶᠢ ᠲᠣᠭᠲᠠᠭᠤᠨ ᠪᠠᠶᠢᠯᠭᠠᠬᠤ᠂ ᠭᠠᠳᠠᠭᠠᠳᠤ | ᠠᠷᠠᠯᠵᠢᠶ᠎ᠠ ᠶᠢ ᠲᠣᠭᠲᠠᠭᠤᠨ ᠪᠠᠶᠢᠯᠭᠠᠬᠤ᠂ ᠪᠡᠯᠡ ᠣᠷᠣᠭᠤᠯᠬᠤ ᠶᠢ ᠲᠣᠭᠲᠠᠭᠤᠨ ᠪᠠᠶᠢᠯᠭᠠᠬᠤ᠂ ᠮᠥᠩᠭᠦᠨ | ᠭᠦᠢᠯᠭᠡᠭᠡ ᠶᠢ ᠲᠣᠭᠲᠠᠭᠤᠨ ᠪᠠᠶᠢᠯᠭᠠᠬᠤ᠂ ᠭᠠᠳᠠᠭᠠᠳᠤ ᠪᠡᠯᠡ ᠣᠷᠤᠭᠤᠯᠤᠯᠲᠠ ᠶᠢ ᠲᠣᠭᠲᠠᠭᠤᠨ ᠪᠠᠶᠢᠯᠭᠠᠬᠤ᠂ | ᠤᠷᠢᠳᠴᠢᠯᠠᠭᠰᠠᠨ ᠬᠤᠭᠤᠴᠠᠭ᠎ᠠ ᠶᠢ ᠲᠣᠭᠲᠠᠭᠤᠨ ᠪᠠᠶᠢᠯᠭᠠᠬᠤ᠃ | 17. ︽ᠵᠠᠭᠤᠨ ᠲᠤᠰᠬᠤᠨ ᠢᠶᠠᠷ ᠵᠢᠱᠢᠶ᠎ᠠ ᠦᠵᠡᠬᠦᠯᠤᠨ ᠮᠢᠩᠭᠠᠨ ᠲᠤᠰᠬᠤᠨ ᠢ ᠴᠡᠭᠴᠡᠯᠡᠨ ᠵᠠᠰᠬᠠᠤ ︾᠄ ︽ | ᠬᠥᠬᠡ ᠠᠭᠤᠯᠠ ᠬᠥᠬᠡᠮᠳᠦᠭ ᠤᠰᠤ ᠪᠣᠯ ᠠᠯᠲᠠ ᠮᠥᠩᠭᠦᠨ ᠠᠭᠤᠯᠠ︾ ᠶᠢᠨ ᠣᠶᠢᠯᠠᠭᠠᠭᠳᠠᠬᠤᠨ ᠢ ᠦᠨᠳᠦᠰᠦᠨ | ᠱᠠᠲᠤᠨ ᠤ ᠲᠠᠷᠢᠶᠠᠯᠠᠬᠤ ᠲᠤᠰᠬᠤᠨ ᠳᠤ ᠦᠢᠯᠡᠳᠦᠯᠭᠡ ᠪᠠᠷ ᠠᠮᠵᠢᠯᠲᠠ ᠲᠠᠢ ᠪᠠᠷ ᠬᠡᠷᠡᠭᠵᠢᠭᠦᠯᠪᠡ᠃ 2003 ᠣᠨ ᠤ | 6 ᠳ᠋ᠤᠭᠠᠷ ᠰᠠᠷ᠎ᠠ ᠳᠤ᠂ ᠲᠤᠬᠠᠢ ᠶᠢᠨ ᠦᠶ᠎ᠡ ᠳᠤ ᠮᠤᠵᠢ ᠶᠢᠨ ᠨᠠᠮ ᠤᠨ ᠬᠤᠷᠢᠶᠠᠨ ᠤ ᠱᠦᠵᠢ ᠰᠢ ᠶᠢᠨ ᠫᠢᠩ | ᠨᠥᠬᠦᠷ ᠤᠨ ᠰᠠᠨᠠᠭᠠᠴᠢᠯᠠᠭ᠎ᠠ ᠪᠣᠯᠣᠨ ᠡᠷᠬᠢᠯᠡᠨ ᠭᠦᠢᠴᠡᠳᠬᠡᠭᠰᠡᠨ ᠢᠶᠠᠷ᠂ ᠲᠤᠰᠬᠤᠨ ᠤ ᠦᠢᠯᠡᠳᠪᠦᠷᠢᠯᠡᠯ᠂ ᠠᠮᠢᠳᠤᠷᠠᠯ | ᠂ ᠠᠮᠢ ᠠᠬᠤᠢ ᠶᠢᠨ ︽ᠭᠤᠷᠪᠠᠨ ᠲᠠᠯ᠎ᠠ︾ ᠶᠢᠨ ᠣᠷᠴᠢᠨ ᠲᠣᠭᠤᠷᠢᠨ ᠤ ᠥᠭᠡᠷᠡᠴᠢᠯᠡᠯᠲᠡ ᠪᠠᠷ ᠭᠤᠣᠯᠳᠠᠯᠭ᠎ᠠ | ᠪᠣᠯᠭᠠᠵᠤ᠂ ᠵᠧᠵᠢᠶᠠᠩ ᠤᠨ ᠪᠦᠬᠦ ᠮᠤᠵᠢ ᠳᠤ ᠡᠬᠢᠯᠡᠭᠦᠯᠦᠭᠰᠡᠨ ︽ᠮᠢᠩᠭᠠᠨ ᠲᠦᠮᠡ ᠶᠢᠨ ᠢᠨᠵᠧᠨᠧᠷᠢᠩ︾ ᠨᠢ | ᠬᠥᠳᠡᠭᠡ ᠲᠤᠰᠬᠤᠨ ᠤ ᠠᠮᠢ ᠠᠬᠤᠢ ᠣᠷᠴᠢᠨ ᠢ ᠰᠠᠶᠢᠵᠢᠷᠠᠭᠤᠯᠬᠤ ᠡᠬᠢᠯᠡᠯᠲᠡ ᠶᠢ ᠭᠦᠢᠴᠡᠳᠬᠡᠵᠦ᠂ ᠮᠠᠯᠴᠢᠨ | ᠲᠠᠷᠢᠶᠠᠴᠢᠨ ᠤ ᠠᠮᠢᠳᠤᠷᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠬᠦ ᠪᠠᠷ ᠭᠤᠣᠯᠳᠠᠯᠭ᠎ᠠ ᠪᠠᠨ ᠪᠣᠯᠭᠠᠭᠰᠠᠨ ᠬᠥᠳᠡᠭᠡ | ᠲᠤᠰᠬᠤᠨ ᠤ ᠵᠠᠰᠠᠨ ᠴᠡᠭᠴᠡᠯᠡᠯᠲᠡ ᠪᠠᠶᠢᠭᠤᠯᠤᠯᠲᠠ ᠶᠢᠨ ᠲᠣᠮᠣ ᠠᠵᠢᠯᠯᠠᠭ᠎ᠠ ᠪᠣᠯᠣᠨ᠎ᠠ᠃ ᠲᠤᠬᠠᠢ ᠶᠢᠨ ᠦᠶ᠎ᠡ ᠳᠤ | ᠰᠢ ᠶᠢᠨ ᠫᠢᠩ ᠥᠪᠡᠷ ᠤᠨ ᠪᠡᠶ᠎ᠡ ᠪᠠᠷ ᠢᠶᠠᠨ ᠪᠠᠶᠢᠷᠢᠯᠠᠭᠤᠯᠤᠯᠲᠠ ᠬᠢᠵᠤ᠂ 5 ᠵᠢᠯ ᠤᠨ ᠬᠤᠭᠤᠴᠠᠭᠠᠨ ᠳᠤ᠂ ᠪᠦᠬᠦ | ᠮᠤᠵᠢ ᠶᠢᠨ 4 ᠲᠦᠮᠡᠨ ᠭᠠᠴᠠᠭ᠎ᠠ ᠲᠤᠰᠬᠤᠨ ᠠᠴᠠ 1 ᠲᠦᠮᠡ ᠭᠠᠷᠤᠢ ᠵᠠᠰᠠᠭ ᠵᠠᠬᠢᠷᠭᠠᠨ ᠤ ᠲᠤᠰᠬᠤᠨ ᠢ ᠪᠦᠬᠦ | ᠲᠠᠯ᠎ᠠ ᠪᠠᠷ ᠵᠠᠰᠠᠨ ᠴᠡᠭᠴᠡᠯᠡᠵᠦ᠂ ᠡᠭᠦᠨ ᠤ ᠳᠣᠲᠣᠷ᠎ᠠ ᠠᠴᠠ 1000 ᠭᠠᠷᠤᠢ ᠭᠤᠣᠯᠳᠠᠯᠭᠠᠲᠤ ᠲᠤᠰᠬᠤᠨ ᠢ ᠪᠦᠬᠦ | ᠲᠠᠯ᠎ᠠ ᠪᠠᠷ ᠴᠢᠨᠡᠭᠡᠯᠢᠭᠵᠢᠭᠰᠡᠨ ᠵᠢᠱᠢᠶ᠎ᠡ ᠦᠵᠡᠭᠦᠯᠬᠦ ᠲᠣᠰᠬᠤᠨ ᠪᠣᠯᠭᠠᠬᠤ ᠪᠠᠷ ᠲᠥᠯᠥᠪᠯᠡᠭᠰᠡᠨ ᠪᠠᠶᠢᠨ᠎ᠠ᠃ | 18. ᠪᠠᠭ᠎ᠠ ᠵᠠᠰᠠᠯᠲᠠ᠄ ︽ᠪᠠᠭ᠎ᠠ ᠬᠡᠯᠪᠡᠷᠢ ᠶᠢᠨ ᠵᠣᠬᠢᠶᠠᠨ ᠪᠠᠶᠢᠭᠤᠯᠤᠯᠲᠠ︾ ᠶᠢ ᠪᠠᠶᠢᠭᠤᠯᠵᠤ᠂ ︽ᠪᠠᠭ᠎ᠠ | ᠬᠡᠯᠪᠡᠷᠢ ᠶᠢᠨ ᠦᠢᠯᠡᠴᠢᠯᠡᠭᠡ︾ ᠢ ᠥᠷᠨᠢᠭᠦᠯᠵᠦ᠂ ︽ᠪᠠᠭ᠎ᠠ ᠬᠡᠯᠪᠡᠷᠢ ᠶᠢᠨ ᠰᠤᠷᠭᠠᠨ ᠬᠥᠮᠥᠵᠢᠯ︾ ᠢ | ᠲᠦᠭᠡᠮᠡᠯᠵᠢᠭᠦᠯᠵᠦ᠂ ︽ᠪᠠᠭ᠎ᠠ ᠬᠡᠯᠪᠡᠷᠢ ᠶᠢᠨ ᠬᠠᠮᠢᠶᠠᠷᠤᠯᠲᠠ︾ ᠶᠢ ᠬᠡᠷᠡᠭᠵᠢᠭᠦᠯᠬᠦ ᠪᠠᠷ ᠳᠠᠮᠵᠢᠨ᠂ ︽ | ᠲᠣᠣᠷᠴᠢᠯᠭᠰᠠᠨ+ ᠪᠠᠭ᠎ᠠ ᠬᠡᠮᠵᠢᠶᠡᠨ ᠤ ᠵᠠᠰᠠᠯᠲᠠ︾ ᠶᠢ ᠡᠷᠢᠯᠬᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ | ᠴᠡᠭᠴᠡᠯᠡᠨ ᠵᠠᠰᠠᠵᠤ ᠰᠢᠨ᠎ᠡ ᠶᠢ ᠡᠭᠦᠳᠬᠦ ᠪᠦᠲᠦᠮᠵᠢᠲᠡᠢ ᠠᠷᠭ᠎ᠠ ᠵᠠᠮ ᠢ ᠠᠬᠢᠭᠤᠯᠵᠤ᠂ ᠥᠪᠡᠷᠲᠡᠭᠡᠨ ᠵᠠᠰᠠᠬᠤ᠂ | ᠬᠠᠤᠯᠢ ᠪᠠᠷ ᠵᠠᠰᠠᠬᠤ᠂ ᠮᠤᠷᠠᠯ ᠰᠤᠷᠲᠠᠯ ᠢᠶᠠᠷ ᠵᠠᠰᠠᠬᠤ ᠶᠢ ᠤᠶᠠᠯᠳᠤᠭᠤᠯᠤᠭᠰᠠᠨ ᠨᠡᠶᠢᠭᠡᠮ ᠤᠨ ᠵᠠᠰᠠᠯᠲᠠ ᠶᠢᠨ | ᠰᠢᠰᠲ᠋ᠧᠮ ᠢ ᠠᠭᠠᠵᠢᠮ ᠢᠶᠠᠷ ᠪᠡᠶᠡᠯᠡᠭᠦᠯᠦᠨ᠎ᠡ᠃ | 19᠂ ᠭᠤᠷᠪᠠᠨ ᠬᠠᠶᠠᠭᠳᠠᠯ᠄ ᠠᠵᠤ ᠦᠢᠯᠡᠳᠪᠦᠷᠢ ᠶᠢᠨ ᠪᠤᠬᠢᠷᠳᠤᠯ ᠠᠴᠠ ᠡᠭᠦᠰᠦᠭᠰᠡᠨ ᠬᠠᠶᠠᠭᠳᠠᠯ ᠤᠰᠤ᠂ | ᠬᠠᠶᠠᠭᠳᠠᠯ ᠬᠡᠢ᠂ ᠬᠠᠲᠠᠭᠤ ᠪᠡᠶᠡᠲᠦ ᠬᠠᠶᠠᠭᠳᠠᠯ ᠢ ᠵᠢᠭᠠᠨ᠎ᠠ᠃ | 20᠂ ᠪᠢᠴᠢᠯ ᠪᠥᠷᠭᠡ᠂ ᠸᠢᠴᠠᠲ᠂ ᠳᠠᠭᠤᠲᠤ ᠳᠦᠷᠰᠦ ᠰᠢᠩᠬᠡᠬᠡᠯᠳᠡ ︵ᠳ᠋ᠸᠤ ᠶᠢᠨ︶᠄ ᠪᠢᠴᠢᠯ ᠪᠥᠷᠬᠡ᠂ ᠸᠢᠴᠠᠲ | ︵ᠵᠢᠷᠭᠢᠭᠡ︶᠂ ᠳᠠᠭᠤᠲᠤ ᠳᠦᠷᠰᠦ ᠰᠢᠩᠬᠡᠭᠡᠯᠳᠡ ᠵᠡᠷᠬᠡ ᠰᠢᠨ᠎ᠡ ᠵᠠᠭᠠᠤᠴᠢᠯᠠᠭᠤᠷ ᠢ ᠵᠢᠭᠠᠨ᠎ᠠ᠃ | 21. ︽ᠵᠢᠭᠤᠯᠴᠢᠯᠠᠯ +︾᠄ ᠵᠢᠭᠤᠯᠴᠢᠯᠠᠯ ᠤᠨ ᠦᠢᠯᠡᠰ ᠪᠤᠯᠤᠨ ᠪᠤᠰᠤᠳ ᠠᠵᠤ ᠦᠢᠯᠡᠰ ᠤᠷᠭᠠᠨᠢᠭ ᠤᠶᠠᠯᠳᠤᠨ | ᠂ ᠵᠢᠭᠤᠯᠴᠢᠯᠠᠯ ᠤᠨ ᠦᠢᠯᠡᠰ ᠤᠨ ᠬᠦᠭᠵᠢᠯᠳᠠ ᠳᠤ ᠠᠳᠠᠯᠢ ᠪᠤᠰᠤ ᠠᠭᠤᠯᠭ᠎ᠠ ᠪᠠ ᠰᠤᠶᠤᠯ ᠤᠨ ᠡᠯᠧᠮᠧᠨ᠋ᠲ ᠢ | ᠬᠠᠩᠭᠠᠬᠤ ᠪᠠᠷ ᠦᠯᠦ ᠪᠠᠷᠠᠨ ᠬᠠᠮᠢᠶ᠎ᠠ ᠪᠥᠬᠦᠢ ᠠᠵᠤ ᠦᠢᠯᠡᠰ ᠤᠨ ᠬᠦᠭᠵᠢᠯᠳᠠ ᠶᠢ ᠠᠬᠢᠭᠤᠯᠳᠠᠭ᠃ | 22. ︽ᠵᠢᠷᠭᠤᠭᠠᠨ ᠵᠦᠢᠯ ᠤᠨ ᠬᠤᠳᠠ ᠶᠢ ᠬᠠᠮᠳᠤ ᠳᠤᠨᠢ ᠴᠤᠭᠴᠠᠯᠠᠬᠤ︾᠄ ᠪᠦᠬᠦ ᠤᠯᠤᠰ ᠤᠨ ᠪᠤᠯᠪᠠᠰᠤᠨ | ᠬᠤᠳᠠ ᠶᠢ ᠴᠤᠭᠴᠠᠯᠠᠨ ᠪᠠᠶᠢᠭᠤᠯᠬᠤ ᠶᠢᠨ ᠲᠤᠯᠠᠳᠠ᠂ ︽ ᠵᠢᠷᠭᠤᠭ᠎ᠠ ᠶᠢ ᠢᠵᠢ ᠪᠦᠷᠢᠳᠦᠭᠦᠯᠦᠭᠰᠡᠨ ᠬᠤᠳᠠ ᠶᠢᠨ | ᠪᠠᠶᠢᠭᠤᠯᠤᠯᠳᠠ︾ ᠶᠢ ᠳᠤᠷᠠᠳᠤᠨ ᠭᠠᠷᠭᠠᠪᠠ᠃ ᠳᠠᠷᠤᠢ ᠪᠦᠬᠦ ᠬᠤᠰᠢᠭᠤᠨ ᠤ ᠡᠳ᠋ ᠤᠨ ᠵᠠᠰᠠᠭ᠂ ᠪᠤᠳᠠᠰ ᠤᠨ | ᠬᠥᠴᠤ ᠪᠠᠨ ᠲᠥᠪᠯᠡᠷᠡᠬᠦᠯᠤᠨ᠂ ᠪᠥᠬᠦ ᠤᠯᠤᠰ ᠤᠨ ᠪᠤᠯᠪᠠᠰᠤᠨ ᠬᠤᠳᠠ᠂ ᠤᠯᠤᠰ ᠤᠨ ᠳᠡᠰ ᠤᠨ ᠡᠷᠡᠭᠦᠯ ᠬᠠᠮᠠᠭᠠᠯᠠᠯ | ᠤᠨ ᠬᠤᠳᠠ᠂ ᠤᠯᠤᠰ ᠤᠨ ᠳᠡᠰ ᠤᠨ ᠴᠡᠴᠡᠷᠯᠢᠭᠵᠢᠭᠰᠡᠨ ᠬᠤᠳᠠ᠂ ᠤᠯᠤᠰ ᠤᠨ ᠬᠤᠶᠠᠷ ᠢ ᠬᠦᠷᠢᠶᠡᠯᠡᠭᠰᠡᠨ | ᠵᠢᠱᠢᠶᠡᠴᠢ ᠬᠤᠳᠠ᠂ ᠤᠯᠤᠰ ᠤᠨ ᠳᠡᠰ ᠤᠨ ᠪᠦᠬᠦ ᠬᠦᠷᠢᠶ᠎ᠡ ᠴᠠᠷᠠᠭ᠎ᠠ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ | ᠤᠷᠤᠨ᠂ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠬᠤᠰᠢᠭᠤ ᠶᠢ | ᠪᠠᠶᠢᠭᠤᠯᠤᠨ᠎ᠠ᠃ | 23. ︽ᠬᠦᠳᠡᠭᠡ ᠲᠤᠰᠬᠤᠨ ᠤ ᠵᠠᠮ ᠤᠨ ᠳᠦᠷᠪᠡ ᠶᠢ ᠪᠦᠷᠢᠯᠳᠦᠬᠦᠯᠬᠦ ︾᠄ 2014 ᠤᠨ ᠤ 3 ᠰᠠᠷ᠎ᠠ ᠶᠢᠨ 4 | ᠤ ᠡᠳᠦᠷ ᠰᠢ ᠶᠢᠨ ᠫᠢᠩ ᠶᠡᠷᠦᠩᠬᠡᠢ ᠱᠦᠵᠢ ᠳᠤᠷᠠᠳᠤᠨ ᠭᠠᠷᠭᠠᠪᠠ᠃ ᠬᠦᠳᠡᠭᠡ ᠲᠤᠰᠬᠤᠨ ᠤ ᠵᠠᠰᠠᠮᠠᠯ ᠵᠠᠮ ᠤᠨ | ᠪᠦᠲᠦᠭᠡᠨ ᠪᠠᠶᠢᠭᠤᠯᠤᠯᠳᠠ ᠨᠢ ᠭᠠᠵᠠᠷ ᠤᠷᠤᠨ ᠤ ᠪᠤᠳᠠᠳᠠᠢ ᠪᠠᠶᠢᠳᠠᠯ ᠳᠤ ᠲᠤᠬᠢᠷᠠᠵᠤ᠂ ᠬᠦᠮᠦᠨ ᠢᠶᠠᠷ ᠦᠨᠳᠦᠰᠦ | ᠪᠤᠯᠭᠠᠨ᠂ ᠭᠠᠴᠠᠭ᠎ᠠ ᠲᠤᠰᠬᠤᠨ ᠰᠤᠮᠤ ᠪᠠᠯᠭᠠᠰᠤᠨ ᠤ ᠪᠠᠶᠢᠷᠢᠰᠢᠭᠤᠯᠤᠯᠳᠠ ᠶᠢ ᠰᠢᠯᠢᠳᠡᠭᠵᠢᠬᠦᠯᠬᠦ᠂ ᠬᠥᠳᠡᠭᠡ | ᠲᠤᠰᠬᠤᠨ ᠤ ᠠᠵᠤ ᠠᠬᠤᠢ ᠶᠢᠨ ᠬᠦᠭᠵᠢᠯᠳᠠ ᠪᠠ ᠤᠯᠠᠨ ᠲᠦᠮᠡᠨ ᠤ ᠠᠮᠤᠷ ᠲᠦᠪᠰᠢᠨ ᠳᠦᠭᠦᠮ ᠲᠦᠳᠡ | ᠭᠠᠳᠠᠭᠰᠢ ᠭᠠᠷᠬᠤ ᠲᠠᠢ ᠬᠠᠷᠢᠯᠴᠠᠨ ᠵᠤᠬᠢᠴᠠᠭᠤᠯᠤᠨ᠂ ᠬᠦᠳᠡᠭᠡ ᠲᠤᠰᠬᠤᠨ ᠤ ᠵᠠᠰᠠᠮᠠᠯ ᠵᠠᠮ ᠢ ᠤᠯᠠᠮ ᠨᠢᠭᠡ | ᠠᠯᠬᠤᠮ ᠰᠠᠶᠢᠳᠤᠷ ᠪᠠᠶᠢᠭᠤᠯᠤᠨ᠂ ᠰᠠᠶᠢᠳᠤᠷ ᠬᠠᠮᠢᠶᠠᠷᠤᠨ᠂ ᠰᠠᠶᠢᠳᠤᠷ ᠬᠠᠮᠠᠭᠠᠯᠠᠨ᠂ ᠰᠠᠶᠢᠳᠤᠷ ᠠᠰᠢᠭᠯᠠᠵᠤ᠂ | ᠬᠦᠳᠡᠭᠡ ᠲᠤᠰᠬᠤᠨ ᠤ ᠬᠦᠭᠵᠢᠯᠳᠠ ᠶᠢ ᠬᠢᠵᠠᠭᠠᠷᠯᠠᠭᠰᠠᠨ ᠵᠠᠮ ᠬᠠᠷᠢᠯᠴᠠᠭᠠᠨ ᠤ ᠪᠤᠭᠤᠮᠳᠠ ᠶᠢ ᠠᠯᠬᠤᠮ ᠠᠯᠬᠤᠮ | ᠢᠶᠠᠷ ᠰᠢᠢᠳᠪᠦᠷᠢᠯᠡᠵᠤ᠂ ᠦᠷᠭᠡᠨ ᠤᠯᠠᠨ ᠮᠠᠯᠴᠢᠨ ᠲᠠᠷᠢᠶᠠᠴᠢᠨ ᠢ ᠶᠠᠳᠠᠭᠤ ᠠᠴᠠ ᠠᠩᠬᠢᠵᠢᠷᠠᠭᠤᠯᠤᠨ | ᠴᠢᠨᠡᠭᠡᠯᠢᠭᠵᠢᠬᠦᠯᠬᠦ ᠳᠤ ᠨᠡᠩ ᠰᠠᠶᠢᠨ ᠪᠠᠲᠤᠯᠠᠭ᠎ᠠ ᠶᠢ ᠬᠠᠩᠭᠠᠨ᠎ᠠ᠃ | 24. ᠴᠢᠨᠠᠷ ᠮᠠᠭᠤᠳᠠᠭᠰᠠᠨ ᠵᠠᠰᠠᠮᠠᠯ ᠵᠠᠮ᠄ ᠪᠠᠷᠤᠭᠰᠢᠨ ᠵᠠᠮ ᠤᠨ ᠴᠢᠨᠠᠷ ᠤᠨ ᠠᠰᠠᠭᠤᠳᠠᠯ ᠪᠠ ᠠᠷᠠᠴᠢᠯᠠᠵᠤ | ᠬᠠᠮᠠᠭᠠᠯᠠᠭᠰᠠᠨ ᠨᠢ ᠵᠤᠬᠢᠰ ᠦᠭᠡᠢ ᠂ ᠭᠡᠭᠡᠭᠳᠡᠨ ᠤᠷᠬᠢᠭᠳᠠᠵᠤ ᠠᠷᠠᠴᠢᠯᠠᠨ ᠬᠠᠮᠠᠭᠠᠯᠠᠬᠤ ᠬᠦᠮᠦᠨ ᠦᠭᠡᠢ ᠪᠤᠶᠤ | ᠴᠠᠷᠳᠠᠮᠠᠯ ᠵᠠᠮ ᠤᠨ ᠬᠡᠷᠡᠭᠯᠡᠯᠳᠠ ᠬᠤᠭᠤᠴᠠᠭ᠎ᠠ ᠥᠩᠭᠡᠷᠡᠭᠰᠡᠨ ᠠᠴᠠ ᠪᠤᠯᠵᠤ᠂ ᠬᠥᠨᠳᠤ ᠨᠤᠴᠢᠲᠠᠢ ᠡᠪᠳᠡᠭᠳᠡᠵᠤ᠂ ᠵᠠᠮ | ᠤᠨ ᠭᠠᠳᠠᠷᠭᠤ ᠨᠢ ᠬᠤᠪᠬᠤᠷᠠᠵᠤ ᠰᠢᠷᠦᠢ ᠴᠢᠯᠠᠭᠤᠨ ᠵᠠᠮ ᠪᠤᠯᠤᠭᠰᠠᠨ ᠢ ᠬᠡᠯᠡᠵᠤ ᠪᠠᠶᠢᠨ᠎ᠠ᠃ | 25. ᠦᠨᠡᠮᠯᠠᠯ ᠪᠠ ᠵᠦᠪᠰᠢᠶᠡᠷᠡᠯ ᠤᠨ ᠪᠢᠴᠢᠭ ᠢ ᠰᠠᠯᠭᠠᠬᠤ᠄ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ | ᠠᠴᠠ ᠲᠠᠷᠬᠠᠭᠠᠭᠰᠠᠨ ᠡᠵᠡᠩᠨᠡᠯᠳᠠ ᠶᠢᠨ ᠦᠨᠡᠮᠯᠡᠯ ᠪᠠ ᠬᠠᠮᠢᠶ᠎ᠠ ᠪᠦᠬᠦᠢ ᠭᠤᠤᠯᠯᠠᠨ ᠬᠠᠮᠢᠶᠠᠷᠬᠤ ᠰᠠᠯᠠᠭ᠎ᠠ ᠮᠦᠴᠢᠷ | ᠠᠴᠠ ᠲᠠᠷᠬᠠᠭᠠᠬᠤ ᠵᠦᠪᠰᠢᠶᠡᠷᠡᠯ ᠤᠨ ᠪᠢᠴᠢᠭ ᠤᠨ ᠬᠢᠨᠠᠨ ᠵᠦᠪᠰᠢᠶᠡᠷᠡᠬᠦ ᠦᠭᠡᠷᠡᠴᠢᠯᠠᠯᠳᠠ ᠶᠢ ᠵᠢᠭᠠᠵᠤ ᠪᠠᠶᠢᠨ᠎ᠠ᠃ | ᠳᠠᠷᠤᠢ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠠᠴᠠ ᠡᠵᠡᠩᠨᠡᠯᠳᠠ ᠶᠢᠨ ᠦᠨᠡᠮᠯᠡᠯ ᠢᠶᠠᠨ ᠠᠪᠴᠢᠬᠠᠪᠠᠯ | ᠶᠡᠷᠦᠳᠡ ᠶᠢᠨ ᠦᠢᠯᠡᠳᠪᠦᠷᠢᠯᠡᠯ ᠡᠵᠡᠩᠨᠡᠯᠳᠠ ᠶᠢᠨ ᠠᠵᠢᠯᠯᠠᠭ᠎ᠠ ᠪᠠᠨ ᠦᠷᠨᠢᠭᠦᠯᠵᠤ ᠪᠤᠯᠤᠨ᠎ᠠ᠃ ᠬᠡᠷᠪᠡ ᠤᠨᠴᠠᠭᠠᠶᠢᠯᠠᠨ | ᠬᠢᠨᠠᠨ ᠵᠦᠪᠰᠢᠶᠡᠷᠡᠭᠦᠯᠬᠦ ᠴᠢᠬᠤᠯᠠᠳᠠᠢ ᠦᠢᠯᠡᠳᠪᠦᠷᠢᠯᠡᠯ ᠡᠵᠡᠩᠨᠡᠯᠳᠠ ᠶᠢᠨ ᠠᠵᠢᠯᠯᠠᠭ᠎ᠠ ᠬᠢᠪᠡᠯ ᠬᠠᠮᠢᠶ᠎ᠠ ᠪᠦᠬᠦᠢ ᠬᠢᠨᠠᠨ | ᠵᠦᠪᠰᠢᠶᠡᠷᠡᠬᠦ ᠰᠠᠯᠠᠭ᠎ᠠ ᠮᠦᠴᠢᠷ ᠲᠤ ᠬᠦᠷᠴᠦ ᠳᠡᠬᠢᠨ ᠭᠠᠷ ᠭᠦᠢᠴᠡᠳᠬᠡᠯ ᠢᠶᠠᠨ ᠨᠦᠬᠦᠪᠦᠷᠢᠯᠡᠨ ᠭᠦᠢᠴᠡᠳᠬᠡᠨ᠎ᠡ᠃ | 26. ᠭᠠᠵᠠᠷ ᠤᠷᠤᠨ ᠤ ᠤᠨᠴᠠᠯᠢᠭᠳᠤ ᠲᠠᠸᠠᠷ ᠤᠨ ᠲᠡᠮᠳᠡᠭ᠄ ᠶᠠᠮᠠᠷ ᠨᠢᠭᠡᠨ ᠲᠠᠸᠠᠷ ᠪᠦᠲᠦᠭᠡᠭᠳᠡᠭᠦᠨ ᠨᠢ ᠶᠠᠮᠠᠷ | ᠨᠢᠭᠡᠨ ᠭᠠᠵᠠᠷ ᠠᠴᠠ ᠭᠠᠷᠤᠭᠰᠠᠨ ᠢ ᠢᠯᠡᠷᠬᠡᠶᠢᠯᠡᠨ᠎ᠡ᠃ ᠲᠡᠷᠡ ᠮᠦᠷᠲᠡᠭᠡᠨ ᠲᠤᠰ ᠲᠠᠸᠠᠷ ᠤᠨ ᠴᠢᠨᠠᠷ ᠴᠢᠨᠰᠠᠭ᠎ᠠ᠂ | ᠢᠳᠡᠬᠡᠯ ᠬᠦᠨᠳᠦ ᠨᠡᠷ᠎ᠡ ᠠᠯᠳᠠᠷ ᠪᠤᠯᠤᠨ ᠪᠤᠰᠤᠳ ᠴᠢᠬᠤᠯᠠ ᠤᠨᠴᠠᠯᠢᠭ ᠨᠢ ᠲᠤᠰ ᠭᠠᠵᠠᠷ ᠤᠷᠤᠨ ᠤ ᠪᠠᠶᠢᠭᠠᠯᠢ | ᠤᠷᠴᠢᠨ᠂ ᠰᠤᠶᠤᠯ ᠢᠷᠭᠡᠨᠰᠢᠯ ᠤᠨ ᠡᠯᠧᠮᠧᠨ᠋ᠲ ᠢᠶᠠᠷ ᠲᠤᠭᠲᠠᠭᠠᠭᠳᠠᠳᠠᠭ᠃ | 27. ᠠᠵᠤ ᠠᠬᠤᠶᠢᠯᠠᠯ ᠢ ᠬᠠᠪᠰᠤᠷᠴᠦ ᠠᠵᠢᠯ ᠤᠨ ᠪᠠᠶᠢᠷᠢ ᠶᠢ ᠲᠤᠬᠲᠠᠪᠤᠷᠢᠵᠢᠭᠤᠯᠬᠤ᠄ ᠠᠵᠤ ᠠᠬᠤᠶᠢᠯᠠᠯ ᠤᠨ | ᠲᠠᠷᠤᠭᠠᠰᠤ ᠶᠢ ᠬᠥᠩᠭᠡᠯᠡᠵᠤ᠂ ᠠᠵᠤ ᠠᠬᠤᠶᠢᠯᠠᠯ ᠤᠨ ᠬᠦᠭᠵᠢᠯᠳᠠ ᠳᠤ ᠬᠦᠴᠦ ᠨᠡᠮᠡᠷᠢᠯᠠᠨ᠂ ᠠᠵᠢᠯ ᠠᠯᠳᠠᠯᠳᠠ ᠶᠢ | ᠪᠠᠭᠠᠰᠬᠠᠨ᠂ ᠠᠵᠤ ᠠᠬᠤᠶᠢᠯᠠᠯ ᠢ ᠬᠠᠪᠰᠤᠷᠤᠨ ᠬᠦᠴᠢᠷᠳᠠᠯ ᠠᠴᠠ ᠠᠩᠬᠢᠵᠢᠷᠡᠭᠤᠯᠵᠤ᠂ ᠠᠵᠢᠯ ᠤᠯᠭᠤᠬᠤ ᠠᠵᠢᠯ | ᠤᠨ ᠪᠠᠶᠢᠷᠢ ᠶᠢ ᠲᠤᠭᠳᠠᠪᠤᠷᠢᠵᠢᠭᠤᠯᠤᠨ᠎ᠠ᠃ | 28. ᠹᠧᠩ ᠴᠢᠶᠤᠤ ᠶᠢᠨ ᠲᠤᠷᠰᠢᠯᠭ᠎ᠠ᠄ ᠬᠤᠷᠢᠳᠤᠭᠠᠷ ᠵᠠᠭᠤᠨ ᠤ ᠵᠢᠷᠠᠭᠠᠳ ᠤᠨ ᠤ ᠡᠬᠢ ᠪᠠᠷ᠂ ᠵᠧᠵᠢᠶᠠᠩ | ᠮᠤᠵᠢ ᠶᠢᠨ ᠵᠦ ᠵᠢᠢ ᠬᠤᠳᠠ ᠶᠢᠨ ᠹᠧᠩ ᠴᠢᠶᠣᠣ ᠪᠠᠯᠭᠠᠰᠤᠨ ᠤ ᠺᠠᠳ᠋ᠷ ᠤᠯᠠᠨ ᠲᠦᠮᠡᠨ ᠠᠴᠠ ︽ᠤᠯᠠᠨ ᠲᠦᠮᠡᠨ ᠢ | ᠳᠠᠶᠢᠴᠢᠯᠠᠨ ᠬᠥᠳᠡᠯᠬᠡᠬᠦ ᠪᠠ ᠤᠯᠠᠨ ᠲᠦᠮᠡᠨ ᠢ ᠲᠥᠰᠢᠭᠯᠡᠬᠦ᠂ ᠵᠦᠷᠢᠴᠡᠯ ᠢ ᠳᠡᠭᠡᠭᠰᠢ ᠲᠤᠰᠢᠶᠠᠬᠤ ᠦᠭᠡᠢ ᠶᠢ | ᠪᠠᠷᠢᠮᠲᠠᠯᠠᠵᠤ᠂ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃ ᠪᠠᠷᠢᠪᠴᠢᠯᠠᠬᠳᠠᠬᠤ ᠬᠦᠮᠦᠨ ᠴᠥᠭᠡᠷᠡᠬᠦ ᠶᠢ | ᠪᠡᠶᠡᠯᠡᠬᠦᠯᠵᠤ᠂ ᠠᠮᠤᠷ ᠲᠥᠪᠰᠢᠨ ᠤ ᠬᠠᠮᠠᠭᠠᠯᠠᠯᠳᠠ ᠰᠠᠶᠢᠵᠢᠷᠠᠭᠰᠠᠨ︾ ᠹᠧᠩ ᠴᠢᠶᠤᠤ ᠶᠢᠨ ᠲᠤᠷᠰᠢᠯᠭ᠎ᠠ ᠶᠢ ᠪᠤᠢ | ᠪᠤᠯᠭᠠᠪᠠ᠃ 1963 ᠤᠨ ᠳᠤ ᠮᠠᠥ ᠽᠧ ᠳ᠋ᠦᠩ ᠨᠦᠬᠦᠷ ᠠᠴᠠ ︽ᠡᠯ᠎ᠡ ᠭᠠᠵᠠᠷ ᠤᠷᠤᠨ ᠳᠠᠭᠤᠷᠢᠶᠠᠯᠭᠠᠵᠤ᠂ | ᠲᠤᠷᠰᠢᠯᠳᠠ ᠶᠢᠨ ᠴᠡᠭ ᠢᠶᠠᠷ ᠳᠠᠮᠵᠢᠨ᠂ ᠳᠡᠯᠭᠡᠷᠡᠭᠦᠯᠤᠨ ᠬᠢᠭᠡᠷᠡᠢ︾ ᠭᠡᠵᠤ ᠴᠤᠬᠤᠯᠠᠪᠤᠷᠢᠯᠠᠪᠠ᠃ ︽ᠹᠧᠩ ᠴᠢᠶᠣᠣ | ᠶᠢᠨ ᠲᠤᠷᠰᠢᠯᠭ᠎ᠠ︾ ᠨᠢ ᠢᠩᠬᠢᠭᠡᠳ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠹᠷᠤᠨᠲ ᠤᠨ | ᠨᠡᠶᠢᠲᠡᠯᠢᠭ ᠲᠠᠭᠤᠷᠢᠶᠠᠯ ᠪᠤᠯᠤᠭᠰᠠᠨ ᠶᠤᠮ᠃ ᠬᠤᠵᠢᠮ ᠨᠢ ︽ᠹᠧᠩ ᠴᠢᠶᠣᠣ ᠶᠢᠨ ᠲᠤᠷᠰᠢᠯᠭ᠎ᠠ︾ ᠨᠢ ᠲᠠᠰᠤᠷᠠᠯ | ᠦᠭᠡᠢ ᠬᠦᠭᠵᠢᠵᠤ᠂ ᠴᠠᠭ ᠦᠶ᠎ᠡ ᠶᠢᠨ ᠳᠤᠪᠤᠶᠢᠮ᠎ᠠ ᠤᠨᠴᠠᠯᠢᠭ ᠲᠠᠢ ︽ᠨᠠᠮ ᠵᠠᠰᠠᠭ ᠬᠠᠮᠳᠤᠪᠠᠷ ᠬᠥᠳᠡᠯᠤᠯᠴᠠᠵᠤ᠂ | ᠤᠯᠠᠨ ᠲᠦᠮᠡᠨ ᠢ ᠲᠥᠰᠢᠭᠯᠡᠨ᠂ ᠵᠦᠷᠢᠴᠡᠯ ᠵᠢᠭᠤᠷᠭᠠᠨ ᠢ ᠤᠷᠢᠳᠴᠢᠯᠠᠨ ᠰᠡᠷᠭᠡᠶᠢᠯᠠᠵᠤ᠂ ᠵᠤᠬᠢᠰᠲᠠᠢ ᠰᠢᠢᠳᠪᠦᠷᠢᠯᠡᠨ | ᠂ ᠲᠤᠬᠲᠠᠭᠤᠨ ᠢ ᠬᠠᠮᠠᠭᠠᠯᠠᠨ ᠬᠦᠭᠵᠢᠯᠳᠠ ᠶᠢ ᠠᠬᠢᠭᠤᠯᠤᠭᠰᠠᠨ︾ ᠹᠧᠩ ᠴᠢᠶᠣᠣ ᠶᠢᠨ ᠰᠢᠨ᠎ᠡ ᠲᠤᠷᠰᠢᠯᠭ᠎ᠠ ᠶᠢ ᠪᠤᠢ | ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠤᠯᠠᠨ ᠲᠦᠮᠡᠨᠴᠢ ᠱᠤᠭᠤᠮ ᠢ ᠰᠠᠶᠢᠳᠤᠷ ᠪᠠᠷᠢᠮᠲᠠᠯᠠᠵᠤ | ᠲᠤᠤᠱᠯᠠᠭᠤᠯᠤᠭᠰᠠᠨ ᠰᠢᠯᠢᠳᠡᠭ ᠬᠡᠪ ᠲᠠᠭᠤᠷᠢᠶᠠᠯ ᠪᠤᠯᠪᠠ᠃ | 29. ᠦᠨᠳᠦᠰᠤᠨ ᠱᠠᠲᠤᠨ ᠤ ᠨᠡᠶᠢᠭᠡᠮ ᠢ ᠵᠠᠰᠠᠨ ᠴᠡᠭᠴᠡᠯᠡᠬᠦ ︽ᠭᠤᠷᠪᠠᠨ ᠰᠡᠷᠭᠡᠶᠢᠯᠡᠯᠳᠠ ᠶᠢᠨ ᠱᠤᠭᠤᠮ︾᠄ ᠰᠢ | ᠶᠢᠨ ᠫᠢᠩ ᠶᠡᠷᠦᠩᠬᠡᠢ ᠱᠦᠵᠢ ᠶᠢᠨ ᠦᠪᠦᠷ ᠮᠤᠩᠭᠤᠯ ᠨᠢ ᠠᠮᠢ ᠠᠬᠤᠢ ᠶᠢᠨ ᠬᠠᠯᠬᠠᠪᠴᠢ ᠪᠠ ᠠᠮᠤᠷ ᠲᠦᠪᠰᠢᠨ ᠤ | ᠬᠠᠯᠬᠠᠪᠴᠢ᠂ ᠳᠠᠷᠤᠢ ︽ᠬᠤᠶᠠᠷ ᠬᠠᠯᠬᠠᠪᠴᠢ︾ ᠶᠢ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠲᠤᠭᠤᠷᠢᠨ | ᠳᠤ᠂ ᠠᠯᠠᠱᠠ ᠵᠡᠭᠦᠨ ᠬᠤᠰᠢᠭᠤᠨ ᠤ ᠬᠢᠯᠢ ᠬᠢᠵᠠᠭᠠᠷ ᠤᠨ ᠴᠦᠭᠡᠨ ᠲᠤᠭᠠᠳᠦ ᠦᠨᠳᠦᠰᠦᠲᠡᠨ ᠤ ᠭᠠᠵᠠᠷ ᠤᠷᠤᠨ ᠤ | ᠪᠤᠳᠠᠳᠤ ᠪᠠᠶᠢᠳᠠᠯ ᠳᠤ ᠰᠠᠭᠤᠷᠢᠯᠠᠵᠤ᠂ ᠨᠠᠮ ᠤᠨ ᠪᠠᠶᠢᠭᠤᠯᠤᠯᠳᠠ ᠪᠠᠷ ᠤᠳᠤᠷᠢᠳᠤᠨ ᠳᠠᠭᠠᠭᠤᠯᠬᠤ ᠶᠢ ᠪᠠᠷᠢᠮᠲᠠᠯᠠᠵᠤ᠂ | ᠬᠢᠯᠢ ᠶᠢᠨ ᠴᠠᠬᠳᠠᠭ᠎ᠠ ᠤᠯᠠᠨ ᠲᠦᠮᠡᠨ ᠬᠠᠮᠲᠤᠷᠠᠨ ᠰᠡᠷᠭᠡᠶᠢᠯᠡᠬᠦ ᠪᠠᠷ ᠰᠠᠭᠤᠷᠢ ᠪᠤᠯᠭᠠᠨ᠂ ᠬᠢᠯᠢ ᠬᠢᠵᠠᠭᠠᠷ ᠬᠦᠪᠡᠭᠡ | ᠵᠠᠬ᠎ᠠ ᠶᠢᠨ ᠭᠠᠵᠠᠷ ᠤᠷᠤᠨ ᠤ ᠡᠯ᠎ᠡ ᠲᠦᠷᠦᠯ ᠤᠨ ᠠᠵᠢᠯ ᠦᠢᠯᠡᠰ ᠤᠨ ᠪᠦᠬᠦ ᠲᠠᠯ᠎ᠠ ᠶᠢᠨ ᠬᠦᠭᠵᠢᠯᠳᠠ ᠪᠠᠷ | ᠲᠤᠯᠭᠠᠭᠤᠷᠢᠯᠠᠭᠤᠯᠵᠤ᠂ ᠰᠤᠮᠤ ᠪᠠᠯᠭᠠᠰᠤ ᠵᠡᠭᠡᠯᠢ ᠭᠤᠳᠤᠮᠵᠢ ᠪᠠ ᠰᠠᠯᠠᠭ᠎ᠠ ᠮᠦᠴᠢᠷ ᠬᠠᠮᠳᠤᠷᠠᠯᠴᠨ ᠬᠥᠳᠡᠯᠤᠯᠴᠡᠵᠤ | ᠨᠡᠶᠢᠭᠡᠮ ᠢ ᠵᠠᠰᠠᠨ ᠴᠡᠭᠴᠡᠯᠡᠬᠦ ᠠᠵᠢᠯ ᠤᠨ ᠲᠤᠭᠲᠠᠯᠴᠠᠭ᠎ᠠ ᠪᠤᠯᠤᠨ᠎ᠠ᠃ |