2020 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠨᠢᠭᠡ︶
ᠨᠡᠶᠢᠲᠡᠯᠡᠭᠰᠡᠨ ᠴᠠᠭ᠄
2020/9/25
ᠥᠩᠭᠡᠷᠡᠭᠰᠡᠨ ᠣᠨ ᠳᠤ ᠬᠢᠭᠰᠡᠨ ᠠᠵᠢᠯ ᠤᠨ ᠲᠦᠢᠮᠣ ᠥᠩᠭᠡᠷᠡᠭᠰᠡᠨ ᠵᠢᠯ ᠠᠴᠠ ᠨᠠᠰᠢ᠂ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠳᠡᠭᠡᠳᠦ ᠱᠠᠲᠤᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠳᠠᠭᠠᠤ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠨ᠂ ᠪᠣᠬᠢᠷᠳᠤᠯ ᠥᠬᠡᠶ ᠬᠥᠭᠵᠢᠭᠦᠯᠬᠦ ᠶᠢ ᠪᠠᠷᠢᠮᠲᠠᠯᠠᠵᠤ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷᠯᠢᠭ ᠬᠥᠭᠵᠢᠯᠲᠡ ᠶᠢ ᠠᠬᠢᠭᠤᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠪᠠ᠃2019 ᠣᠨ ᠳᠤ ᠪᠥᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ 3.9% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 10.2% ᠢᠶᠠᠷ ᠨᠡᠮᠡᠭᠳᠡᠪᠡ︔ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠤᠭᠤᠯᠤᠯᠲᠠ 10.7% ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠤᠨ ᠵᠢᠵᠢᠭᠯᠡᠨ ᠬᠤᠳᠠᠯᠳᠤᠬᠤ ᠶᠡᠷᠦᠩᠬᠡᠶ ᠬᠡᠮᠵᠢᠶ᠎ᠡ 5.2% ᠪᠠᠷ ᠨᠡᠮᠡᠭᠳᠡᠪᠡ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠲᠡᠭᠰᠢᠳᠬᠡᠭᠰᠡᠨ ᠣᠷᠣᠯᠭ᠎ᠠ ᠲᠤᠰ ᠲᠤᠰ 42669 ᠲᠥᠭᠦᠷᠢᠭ ᠪᠠ 20865 ᠲᠥᠭᠦᠷᠢᠭ ᠪᠠᠶᠢᠵᠤ᠂ 6.4% ᠪᠠ 9.6% ᠪᠠᠷ ᠨᠡᠮᠡᠭᠳᠡᠪᠡ᠃ᠥᠩᠭᠡᠷᠡᠭᠰᠡᠨ ᠵᠢᠯ ᠠᠴᠠ ᠨᠠᠰᠢ᠂ ᠪᠢᠳᠡ ᠳᠣᠣᠷᠠᠬᠢ ᠠᠵᠢᠯ ᠤᠳ ᠢ ᠭᠤᠣᠯᠴᠢᠯᠠᠨ ᠭᠦᠢᠴᠡᠳᠬᠡᠪᠡ᠃︵ᠨᠢᠭᠡ︶ ᠶᠠᠳᠠᠭᠤᠷᠠᠯ ᠤᠨ ᠪᠣᠭᠤᠮᠳᠠ ᠶᠢ ᠢᠯᠠᠨ ᠳᠠᠪᠠᠭ᠋ᠤ ᠡᠭᠦᠷᠭᠡ ᠢᠳᠡᠪᠬᠢᠲᠡᠶ ᠠᠬᠢᠴᠠ ᠲᠠᠢ ᠪᠣᠯᠪᠠᠶᠠᠳᠠᠭᠤᠷᠠᠯ ᠠᠴᠠ ᠠᠩᠭᠢᠵᠢᠷᠠᠭᠤᠯᠬᠤ ᠠᠰᠠᠭᠤᠳᠠᠯ ᠢ ᠰᠢᠢᠳᠪᠦᠷᠢᠯᠡᠬᠦ ᠠᠵᠢᠯ ᠴᠢᠬᠤᠯᠠ ᠦᠷ᠎ᠡ ᠪᠦᠲᠦᠮᠵᠢ ᠤᠯᠪᠠ᠃ 8271 ᠲᠦᠮᠡᠨ ᠲᠥᠭᠦᠷᠢᠭ ᠤᠨ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠪᠡᠯᠡ ᠮᠥᠩᠭᠦ ᠶᠢ ᠭᠠᠷᠭᠠᠵᠤ᠂ ᠶᠠᠳᠠᠭᠤᠷᠠᠯ ᠠᠴᠠ ᠠᠩᠭᠢᠵᠢᠷᠠᠭᠤᠯᠤᠨ ᠲᠤᠰᠬᠠᠢ ᠲᠥᠷᠥᠯ ᠢᠶᠠᠷ ᠲᠡᠳᠬᠦᠬᠦ᠂ ᠠᠵᠢᠯ ᠲᠥᠷᠥᠯ ᠢᠶᠠᠷ ᠲᠡᠳᠬᠦᠬᠦ ᠲᠥᠷᠦ ᠶᠢᠨ ᠪᠣᠳᠣᠯᠭ᠎ᠠ ᠨᠤᠭᠤᠳ ᠢ ᠣᠨᠣᠪᠴᠢᠲᠠᠢ ᠨᠠᠶᠢᠳᠠᠪᠤᠷᠢᠵᠢᠭᠤᠯᠪᠠ᠃ ᠡᠷᠬᠡᠬᠠᠰᠢᠬ᠎ᠠ ᠶᠢᠨ ᠡᠯᠡᠰᠦᠨ ᠤ ᠵᠢᠭᠤᠯᠴᠢᠯᠠᠯ᠂ ᠢᠩᠭᠡᠨ ᠰᠤᠮᠤᠨ ᠳᠠᠬᠢ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠰᠠᠭᠤᠷᠢᠨ ᠭᠠᠵᠠᠷ ᠵᠡᠷᠭᠡ 52 ᠠᠵᠤ ᠦᠢᠯᠡᠰ ᠢᠶᠠᠷ ᠲᠡᠳᠬᠦᠬᠦ ᠲᠥᠷᠥᠯ ᠵᠦᠢᠯ ᠢ ᠬᠡᠷᠡᠭᠵᠢᠭᠦᠯᠵᠦ᠂ ᠣᠷᠣᠯᠭ᠎ᠠ ᠶᠢ ᠨᠡᠮᠡᠭᠳᠡᠭᠦᠯᠵᠦ ᠴᠢᠨᠡᠭᠡᠯᠢᠭᠵᠢᠭᠦᠯᠦᠨ ᠳᠠᠶᠢᠴᠢᠯᠠᠬᠤ ᠦᠢᠯᠡᠳᠦᠯ ᠢᠯᠡᠷᠬᠡᠢ ᠦᠷ᠎ᠡ ᠨᠥᠯᠥᠭᠡ ᠲᠠᠢ ᠪᠣᠯᠪᠠ᠃ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠪᠠ ᠣᠷᠣᠨ ᠰᠠᠭᠤᠴᠠ ᠶᠢᠨ ᠠᠶᠦᠯᠭᠦᠢ ᠪᠠᠶᠢᠳᠠᠯ᠂ ᠤᠰᠤ ᠤᠮᠳᠠ ᠶᠢᠨ ᠠᠶᠦᠯᠭᠦᠢ ᠶᠢ ᠪᠠᠲᠤᠯᠠᠬᠤ ᠠᠵᠢᠯ ᠤᠯᠠᠮ ᠰᠠᠶᠢᠵᠢᠷᠠᠵᠤ᠂ ᠰᠤᠷᠭᠠᠨ ᠬᠥᠮᠦᠵᠢᠯ ᠢᠶᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠲᠥᠷᠥ ᠶᠢᠨ ᠪᠣᠳᠣᠯᠭ᠎ᠠ ᠶᠢ ᠪᠦᠷᠢᠨ ᠨᠠᠶᠢᠳᠠᠪᠤᠷᠢᠵᠢᠭᠤᠯᠵᠤ᠂ ᠰᠤᠷᠬᠤ ᠨᠠᠰᠤᠨ ᠤ ᠬᠡᠤᠬᠡᠳ ᠢ ᠬᠢᠴᠢᠶᠡᠯ ᠰᠤᠷᠤᠯᠭ᠎ᠠ ᠶᠢ ᠨᠢ ᠲᠠᠰᠤᠯᠳᠠᠭᠤᠯᠬᠤ ᠦᠭᠡᠢ ᠪᠠᠷ ᠰᠤᠷᠭᠠᠭᠤᠯᠢ ᠳᠤ ᠣᠷᠣᠬᠤ ᠶᠢ ᠨᠢ ᠪᠠᠲᠤᠯᠠᠭᠰᠠᠨ ᠪᠠᠶᠢᠨ᠎ᠠ᠃ ᠺᠠᠷᠳ᠋ᠯᠠᠨ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠪᠦᠷᠢ ᠶᠢ ᠦᠨᠳᠦᠰᠦᠨ ᠡᠮᠴᠢᠯᠡᠭᠡ᠂ ᠬᠦᠨᠳᠦ ᠡᠪᠡᠳᠴᠢᠨ ᠤ ᠳᠠᠭᠠᠳᠬᠠᠯ᠂ ᠶᠠᠳᠠᠭᠤᠷᠠᠯ ᠢ ᠬᠥᠩᠭᠡᠯᠡᠬᠦ ᠳᠠᠭᠠᠳᠬᠠᠯ᠂ ᠡᠮᠴᠢᠯᠡᠭᠡ ᠪᠠᠷ ᠠᠪᠤᠷᠠᠨ ᠲᠤᠰᠠᠯᠠᠬᠤ ᠪᠠᠲᠤᠯᠠᠭ᠎ᠠ ᠳᠤ ᠬᠠᠮᠤᠷᠤᠭᠤᠯᠪᠠ᠃ ︽ᠲᠡᠮᠡᠭᠡᠲᠦ ᠨᠤᠲᠤᠭ ᠤᠨ ᠬᠠᠯᠠᠮᠵᠢ︾ ᠶᠢᠨ ᠪᠠᠲᠤᠯᠠᠭ᠎ᠠ ᠶᠢᠨ ᠰᠠᠭᠤᠷᠢ ᠮᠥᠩᠭᠦ ᠪᠠᠷ ᠳᠠᠭᠠᠭᠠᠵᠤ ᠴᠢᠳᠠᠬᠤ ᠪᠦᠬᠦᠨ ᠢ ᠨᠢ ᠳᠠᠭᠠᠭᠠᠵᠤ᠂ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠡᠮᠨᠡᠯᠭᠡ ᠳᠤ ᠰᠠᠭᠤᠭᠰᠠᠨ ᠵᠠᠷᠤᠳᠠᠯ ᠤᠨ ᠳᠠᠩᠰᠠ ᠲᠠᠶᠢᠯᠬᠤ ᠬᠠᠷᠢᠴᠠᠯ ᠢ 90% ᠳᠤ ᠬᠦᠷᠭᠡᠪᠡ᠃ ᠶᠠᠳᠠᠭᠤᠷᠠᠯ ᠠᠴᠠ ᠠᠩᠭᠢᠵᠢᠷᠠᠭᠤᠯᠬᠤ ᠦᠷ᠎ᠡ ᠨᠥᠯᠥᠭᠡ ᠤᠯᠠᠮ ᠲᠣᠭᠲᠠᠪᠤᠷᠢᠲᠠᠢ ᠪᠣᠯᠪᠠ᠃ ᠬᠦᠨᠳᠦ ᠠᠶᠤᠯ ᠡᠷᠡᠰᠳᠡᠯ ᠢ ᠪᠦᠲᠦᠮᠵᠢᠲᠡᠶ ᠰᠡᠷᠭᠡᠶᠢᠯᠡᠨ ᠡᠵᠡᠮᠳᠡᠪᠡ᠃ ᠮᠠᠨ ᠤ ᠬᠤᠰᠢᠭᠤ ᠶᠢ ᠡᠳ᠋ ᠤᠨ ᠵᠠᠰᠠᠭ ᠤᠨ ᠶᠠᠮᠤᠨ ᠤ ᠪᠠᠶᠢᠭᠤᠯᠤᠮᠵᠢ ᠶᠢᠨ ᠳᠦᠷᠢᠮᠲᠦ ᠰᠢᠶᠠᠨ ᠤ ᠳᠠᠯᠳᠠ ᠥᠷᠢ ᠥᠭᠴᠡᠭᠡ ᠶᠢ ᠠᠷᠢᠯᠭᠠᠬᠤ ᠲᠤᠷᠰᠢᠯᠲᠠ ᠶᠢᠨ ᠬᠤᠰᠢᠭᠤ ᠰᠢᠶᠠᠨ ᠳᠤ ᠣᠷᠣᠭᠤᠯᠪᠠ᠃ ᠵᠠᠰᠠᠭ ᠤᠨ ᠣᠷᠳᠣᠨ ᠤ ᠳᠠᠯᠳᠠ ᠴᠢᠨᠠᠷᠲᠠᠶ ᠥᠷᠢ ᠰᠢᠷᠢ ᠶᠢ ᠠᠷᠢᠯᠭᠠᠬᠤ ᠣᠨ ᠤ ᠡᠭᠦᠷᠭᠡ ᠪᠠᠨ 191.5% ᠪᠠᠷ ᠪᠡᠶᠡᠯᠡᠭᠦᠯᠪᠡ᠃ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ ᠠᠵᠤ ᠠᠬᠤᠶᠢᠯᠠᠯ ᠵᠡᠷᠭᠡ ᠶᠢᠨ ᠥᠷᠢ ᠲᠥᠯᠥᠪᠦᠷᠢ ᠶᠢ 7.3 ᠳ᠋ᠦᠩᠰᠢᠭᠤᠷ ᠲᠥᠭᠦᠷᠢᠭ ᠲᠥᠯᠥᠪᠡ᠃ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢᠨ ᠬᠡᠷᠡᠭᠴᠡᠭᠡ ᠶᠢ ᠪᠠᠲᠤᠯᠠᠵᠤ᠂ ᠡᠩ ᠤᠨ ᠵᠢᠭᠡᠯᠡᠯᠭᠡ ᠶᠢᠨ ᠲᠡᠮᠳᠡᠭᠲᠦ ᠶᠢ 1.6 ᠳ᠋ᠦᠩᠰᠢᠭᠤᠷ ᠲᠥᠭᠦᠷᠢᠭ᠂ ᠲᠤᠰᠬᠠᠢ ᠲᠥᠷᠥᠯ ᠤᠨ ᠵᠢᠭᠡᠯᠡᠯᠭᠡ ᠶᠢᠨ ᠲᠡᠮᠳᠡᠭᠲᠦ ᠶᠢ 6.8 ᠳ᠋ᠦᠩᠰᠢᠭᠤᠷ ᠲᠥᠭᠦᠷᠢᠭ ᠡᠷᠡᠮᠡᠯᠵᠡᠯᠡᠨ ᠣᠯᠪᠠ᠃ ᠭᠤᠤᠯᠳᠠᠯᠭ᠎ᠠ ᠲᠠᠢ ᠠᠶᠤᠯ ᠡᠷᠡᠰᠳᠡᠯ ᠤᠨ ᠠᠵᠤ ᠠᠬᠤᠶᠢᠯᠠᠯ ᠤᠨ ᠬᠦᠴᠢᠷᠳᠡᠯ ᠢ ᠳᠠᠪᠠᠨ ᠲᠤᠭᠤᠯᠵᠤ ᠬᠥᠭᠵᠢᠬᠦ ᠶᠢ ᠳᠡᠮᠵᠢᠪᠡ᠃ ᠰᠦᠯᠵᠢᠶᠡᠨ ᠵᠢᠭᠡᠯᠡᠯᠭᠡ᠂ ︽ᠤᠷᠠᠬᠳᠠᠬᠤ ᠵᠢᠭᠡᠯᠡᠯᠭᠡ︾ ᠵᠡᠷᠭᠡ ᠬᠠᠤᠯᠢ ᠪᠤᠰᠤ ᠪᠠᠷ ᠪᠠᠯᠠ ᠴᠤᠭᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠪᠥᠬᠦ ᠬᠤᠰᠢᠭᠤᠨ ᠤ ᠮᠥᠩᠭᠦᠨ ᠭᠦᠢᠯᠭᠡᠭᠡᠨ ᠤ ᠠᠵᠢᠯᠯᠠᠭ᠎ᠠ ᠶᠡᠷᠦᠩᠬᠡᠶ ᠳᠡᠭᠡᠨ ᠲᠣᠭᠲᠠᠪᠤᠷᠢᠲᠠᠢ ᠪᠠᠶᠢᠨ᠎ᠠ᠃ᠪᠣᠬᠢᠷᠲᠤᠯ ᠢ ᠵᠠᠰᠠᠨ ᠰᠡᠷᠭᠡᠶᠢᠯᠡᠬᠦ ᠠᠵᠢᠯ ᠢ ᠦᠷᠭᠦᠯᠵᠢᠯᠡᠨ ᠠᠬᠢᠭᠤᠯᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠵᠢᠴᠢ ︽ᠳᠠᠬᠢᠨ ᠬᠢᠨᠠᠯᠲᠠ︾ ᠳᠤ ᠬᠠᠷᠢᠭᠤ ᠲᠤᠰᠬᠠᠭᠰᠠᠨ ᠠᠰᠠᠭᠤᠳᠠᠯ ᠢ ᠪᠦᠲᠦᠮᠵᠢᠲᠡᠶ ᠴᠡᠭᠴᠡᠯᠡᠨ ᠵᠠᠰᠠᠪᠠ᠃ 4 ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ 6 ᠭᠤᠤᠯᠳᠠᠯᠭ᠎ᠠ ᠲᠠᠢ ᠭᠠᠵᠠᠷ ᠣᠷᠣᠨ ᠤ ᠣᠷᠴᠢᠨ ᠠᠬᠤᠶ ᠶᠢ ᠵᠠᠰᠠᠬᠤ ᠪᠠ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠪᠠ᠃ ᠪᠣᠬᠢᠷᠲᠤᠯ ᠢ ᠵᠠᠰᠠᠨ ᠰᠡᠷᠭᠡᠶᠢᠯᠡᠬᠦ 43 ᠲᠥᠷᠥᠯ ᠢ ᠪᠦᠬᠦ ᠲᠠᠯ᠎ᠠ ᠪᠠᠷ ᠪᠡᠶᠡᠯᠡᠭᠦᠯᠪᠡ᠃ ︽ᠨᠣᠭᠤᠭᠠᠨ ᠪᠠᠮᠪᠠᠢ︾ ᠶᠢᠨ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠩᠬᠠᠳᠠᠭᠴᠢ ᠣᠷᠴᠢᠨ ᠠᠬᠤᠶ ᠶᠢ ᠬᠠᠮᠠᠭᠠᠯᠠᠬᠤ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠡᠬᠢᠯᠡᠭᠦᠯᠪᠡ᠃ ᠥᠪᠥᠷ ᠮᠣᠩᠭᠤᠯ ᠪᠠ ᠨᠢᠩᠰᠢᠶᠠ᠂ ᠭᠠᠨᠰᠦ ᠶᠢᠨ ᠬᠢᠯᠢ ᠳᠠᠬᠢ ᠣᠷᠣᠨ ᠪᠦᠰᠡ ᠶᠢᠨ ᠵᠠᠰᠠᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠪᠠ᠃ ᠠᠯᠠᠱᠠ ᠠᠭᠤᠯᠠᠨ ᠤ ᠠᠮᠢ ᠠᠬᠤᠶ ᠶᠢ ᠨᠥᠬᠦᠨ ᠰᠡᠷᠭᠦᠭᠡᠬᠦ ᠲᠥᠷᠥᠯ ᠵᠦᠢᠯ ᠢ ᠤᠷᠤᠭᠰᠢᠲᠠᠶ ᠠᠬᠢᠭᠤᠯᠪᠠ᠃ ᠭᠤᠣᠯ ᠤᠨ ᠲᠠᠩ ᠤᠨ ︽ᠳᠥᠷᠪᠡ ᠶᠢ ᠴᠡᠪᠡᠷᠯᠡᠬᠦ︾ ᠠᠵᠢᠯᠯᠠᠭ᠎ᠠ ᠶᠢ ᠵᠠᠰᠠᠨ ᠰᠠᠶᠢᠵᠢᠷᠠᠭᠤᠯᠵᠤ ᠪᠠᠷᠢᠮᠵᠢᠶ᠎ᠠ ᠳᠤ ᠬᠦᠷᠭᠡᠪᠡ᠃ ᠬᠠᠪᠲᠠᠩ ᠪᠣᠯᠪᠠᠰᠤᠷᠠᠭᠤᠯᠬᠤ ᠲᠣᠭᠤᠷᠢᠭ ᠤᠨ ᠪᠣᠬᠢᠷᠲᠤᠯ ᠢ ᠵᠠᠰᠠᠨ ᠰᠡᠷᠭᠡᠶᠢᠯᠡᠬᠦ ᠲᠥᠬᠦᠭᠡᠷᠦᠮᠵᠢ ᠶᠢ ᠪᠥᠬᠦ ᠲᠠᠯ᠎ᠠ ᠪᠠᠷ ᠰᠢᠨᠡᠴᠢᠯᠡᠨ ᠰᠠᠶᠢᠵᠢᠷᠠᠭᠤᠯᠵᠤ᠂ ᠪᠣᠷᠵᠢᠨ ᠴᠢᠯᠠᠭᠤᠯᠢᠭ ᠤᠨ ᠠᠭᠤᠷᠬᠠᠶ ᠶᠢᠨ ︽ᠨᠢᠭᠡ ᠠᠭᠤᠷᠬᠠᠢ᠂ ᠨᠢᠭᠡ ᠠᠮᠠ︾ ᠶᠢ ᠴᠡᠭᠴᠡᠯᠡᠨ ᠪᠢᠲᠡᠭᠦᠮᠵᠢᠯᠡᠬᠦ ᠠᠵᠢᠯ ᠢ ᠪᠡᠶᠡᠯᠡᠭᠦᠯᠪᠡ᠃ ᠲᠠᠷᠢᠶᠠᠯᠠᠩ ᠤᠨ ᠪᠣᠬᠢᠷᠲᠤᠯ ᠤᠨ ᠡᠬᠢ ᠡᠭᠦᠰᠪᠦᠷᠢ ᠶᠢᠨ ᠠᠰᠠᠭᠤᠳᠠᠯ ᠢ ᠪᠦᠲᠦᠮᠵᠢᠲᠡᠶ ᠬᠢᠵᠠᠭᠠᠷᠯᠠᠵᠤ᠂ ᠭᠠᠵᠠᠷ ᠤᠨ ᠤᠰᠤᠨ ᠤ ᠬᠡᠲᠦ ᠠᠰᠢᠭᠯᠠᠯᠲᠠ ᠶᠢ ᠬᠢᠨᠠᠬᠤ ᠡᠭᠦᠷᠭᠡ ᠪᠠᠨ ᠪᠡᠶᠡᠯᠡᠭᠦᠯᠪᠡ᠃ ᠪᠠᠶᠠᠨᠬᠤᠲᠠ ᠶᠢᠨ ᠠᠭᠤᠷ ᠠᠮᠢᠰᠬᠤᠯ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 325 ᠡᠳᠦᠷ ᠲᠤ ᠬᠦᠷᠭᠡᠪᠡ᠃︵ᠬᠤᠶᠠᠷ︶ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠪᠠᠬᠥᠭᠵᠢᠯᠲᠡ ᠶᠢᠨ ᠡᠷᠴᠢ ᠬᠦᠴᠦᠨ ᠢ ᠤᠯᠠᠮ ᠨᠡᠮᠡᠭᠳᠡᠭᠦᠯᠪᠡ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠭᠤᠷᠪᠠᠨ ᠠᠵᠤ ᠦᠢᠯᠡᠰ ᠤᠨ GDP ᠶᠢᠨ ᠡᠵᠡᠯᠡᠬᠦ ᠬᠠᠷᠢᠴᠠᠯ ᠨᠢ 8᠄ 41᠄ 51 ᠳᠤ ᠬᠦᠷᠴᠡᠢ᠃ 75 ᠭᠤᠣᠯᠳᠠᠯᠭ᠎ᠠ ᠲᠠᠢ ᠲᠥᠷᠥᠯ ᠵᠦᠢᠯ ᠳᠤ 81.5 ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ ᠲᠥᠪ᠂ ᠥᠪᠡᠷᠲᠡᠭᠡᠨ ᠵᠠᠰᠠᠬᠤ ᠣᠷᠣᠨ ᠤ ᠲᠥᠰᠦᠪ ᠠᠴᠠ 11.1 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠪᠠ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠢ ᠨᠠᠶᠢᠳᠠᠪᠤᠷᠢᠵᠢᠭᠤᠯᠬᠤ ᠬᠦᠴᠦᠯᠡᠴᠡ ᠪᠠᠨ ᠨᠡᠮᠡᠭᠳᠡᠭᠦᠯᠵᠦ᠂ ᠰᠢᠨ᠎ᠡ ᠪᠠᠷ ᠭᠡᠷ᠎ᠡ ᠲᠣᠭᠲᠠᠭᠰᠠᠨ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ ᠵᠡᠷᠭᠡ ᠲᠥᠷᠥᠯ ᠵᠦᠢᠯ 18 ᠪᠠᠶᠢᠵᠤ᠂ 12.5 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ ᠨᠠᠶᠢᠳᠠᠪᠤᠷᠢᠵᠢᠭᠤᠯᠪᠠ᠃ ᠣᠯᠠᠨ ᠲᠤᠯᠭᠠᠭᠤᠷᠢ ᠬᠦᠴᠦᠨ ᠪᠦᠬᠦᠢ ᠠᠵᠢᠯ ᠦᠢᠯᠡᠰ ᠢ ᠬᠠᠮᠤᠷᠤᠭᠰᠠᠨ ᠰᠠᠯᠪᠤᠷᠢ ᠤᠳ ᠢ ᠵᠡᠷᠭᠡᠪᠡᠷ ᠬᠥᠭᠵᠢᠭᠦᠯᠬᠦ ᠵᠠᠭᠪᠤᠷ ᠢ ᠠᠩᠬ᠎ᠠ ᠪᠤᠢ ᠪᠣᠯᠭᠠᠪᠠ᠃ᠣᠨᠴᠠᠯᠢᠭᠲᠤ ᠲᠠᠷᠢᠶᠠᠯᠠᠩ ᠮᠠᠯ ᠠᠵᠤ ᠠᠬᠤᠢ ᠶᠢ ᠲᠦᠷᠭᠡᠳᠬᠡᠨ ᠠᠬᠢᠭᠤᠯᠪᠠ᠃ ᠪᠥᠬᠦ ᠬᠤᠰᠢᠭᠤᠨ ᠤ ᠨᠡᠶᠢᠲᠡ ᠲᠠᠷᠢᠶᠠᠯᠠᠬᠤ ᠲᠠᠯᠠᠪᠠᠶ 28 ᠲᠦᠮᠡᠨ ᠮᠥ ᠪᠠᠶᠢᠵᠤ᠂ ᠡᠮ ᠤᠨ ᠮᠠᠲ᠋ᠧᠷᠢᠶᠠᠯ᠂ ᠴᠢᠨᠠᠷᠯᠢᠭ ᠲᠡᠵᠢᠭᠡᠯ ᠡᠪᠡᠰᠦ ᠵᠡᠷᠭᠡ ᠲᠠᠷᠢᠮᠠᠯ ᠤᠨ ᠲᠠᠯᠠᠪᠠᠢ ᠶᠢ 10 ᠲᠦᠮᠡᠨ ᠮᠤ᠋ ᠳᠤ ᠬᠦᠷᠭᠡᠵᠦ᠂ ᠥᠨᠳᠥᠷ ᠵᠡᠷᠭᠡᠯᠡᠯ ᠤᠨ ᠲᠠᠷᠢᠮᠠᠯ ᠤᠨ ᠲᠠᠯᠠᠪᠠᠢ ᠶᠢ 0.9 ᠲᠦᠮᠡᠨ ᠮᠦ ᠳᠤ ᠬᠦᠷᠭᠡᠪᠡ᠃ ︽ᠷᠧᠨ ᠰᠢᠶᠤᠤ ᠮᠢ︾ ︽ᠹᠧᠩ ᠮᠤᠤ ᠳ᠋ᠧ︾ ᠵᠡᠷᠭᠡ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠢ ᠡᠷᠴᠢᠮᠲᠡᠢ ᠬᠥᠭᠵᠢᠭᠦᠯᠪᠡ᠃ ᠴᠠᠭᠠᠨ ᠨᠣᠯᠤᠤᠷᠲᠤ ᠢᠮᠠᠭ᠎ᠠ᠂ ᠬᠤᠤᠰ ᠪᠥᠬᠦᠲᠦ ᠲᠡᠮᠡᠭᠡ᠂ ᠮᠣᠩᠭᠤᠯ ᠦᠬᠡᠷ ᠵᠡᠷᠭᠡ ᠣᠨᠴᠠᠯᠢᠭᠲᠤ ᠨᠡᠷᠡᠲᠦ ᠲᠡᠮᠳᠡᠭ ᠢ ᠠᠯᠳᠠᠷᠰᠢᠭᠤᠯᠵᠤ᠂ ᠠᠯᠠᠱᠠ ᠵᠡᠭᠦᠨ ᠬᠤᠰᠢᠭᠤ ᠨᠢ ᠠᠯᠠᠱᠠ ᠶᠢᠨ ᠴᠠᠭᠠᠨ ᠨᠣᠯᠤᠤᠷᠲᠤ ᠢᠮᠠᠭᠠᠨ ᠤ ᠳᠤᠮᠳᠠᠳᠤ ᠤᠯᠤᠰ ᠤᠨ ᠣᠨᠴᠠᠯᠢᠭ ᠲᠠᠢ ᠬᠥᠳᠡᠭᠡ ᠠᠵᠤ ᠠᠬᠤᠢ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ᠂ ᠬᠤᠤᠰ ᠪᠥᠬᠦᠲᠦ ᠲᠡᠮᠡᠭᠡᠨ ᠤ ᠥᠪᠡᠷᠲᠡᠭᠡᠨ ᠵᠠᠰᠠᠬᠤ ᠣᠷᠣᠨ ᠤ ᠤᠨᠴᠠᠯᠢᠬᠳᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠣᠷᠣᠨ ᠢᠶᠠᠷ ᠲᠣᠭᠲᠠᠭᠠᠭᠳᠠᠪᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠠᠳᠦ᠋︾ ᠬᠤᠨᠢ ᠵᠡᠷᠭᠡ 9 ᠣᠨᠴᠠᠯᠢᠭᠲᠤ ᠠᠵᠤ ᠦᠢᠯᠡᠰ ᠤᠨ ᠬᠠᠮᠲᠤᠷᠠᠯᠴᠠᠭ᠎ᠠ ᠶᠢ ᠬᠥᠭᠵᠢᠭᠦᠯᠦᠨ ᠪᠤᠵᠠᠭᠠᠶᠢᠷᠠᠭᠤᠯᠪᠠ᠃ ᠲᠠᠷᠢᠶᠠᠯᠠᠩ ᠮᠠᠯ ᠠᠵᠤ ᠠᠬᠤᠢ ᠶᠢᠨ ᠡᠵᠡᠩᠨᠡᠯᠲᠡ ᠶᠢᠨ ᠠᠵᠤ ᠦᠢᠯᠡᠰ ᠪᠠ ᠠᠵᠤ ᠠᠬᠤᠶᠢᠯᠠᠯ ᠢ ᠳᠦᠷᠢᠮᠵᠢᠭᠦᠯᠵᠦ᠂ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠠᠵᠤ ᠠᠬᠤᠶᠢᠯᠠᠯ 26 ᠪᠣᠯᠵᠤ᠂ ᠪᠣᠷᠣᠯᠠᠭᠤᠯᠤᠯᠲᠠ ᠶᠢᠨ ᠣᠷᠣᠯᠭ᠎ᠠ ᠶᠢ 8.8 ᠳ᠋ᠦᠩᠰᠢᠭᠤᠷ ᠲᠥᠭᠦᠷᠢᠭ ᠪᠡᠶᠡᠯᠡᠭᠦᠯᠪᠡ᠃ ︽ᠳᠤᠮᠳᠠᠳᠤ ᠤᠯᠤᠰ ᠤᠨ ᠣᠯᠠᠨ ᠤᠯᠤᠰ ᠤᠨ ᠠᠷᠠᠯᠵᠢᠶᠠᠨ ᠤ ᠴᠤᠭᠯᠠᠭᠠᠨ︾ ᠳᠤ᠂ ᠮᠠᠨ ᠤ ᠬᠤᠰᠢᠭᠤᠨ ᠤ ᠨᠣᠯᠤᠤᠷ ᠤᠨ ᠬᠠᠷᠠᠯᠲᠠ ᠪᠣᠳᠠᠰ ᠤᠨ ᠠᠷᠠᠯᠵᠢᠶᠠᠯᠠᠭᠰᠠᠨ ᠪᠡᠯᠡ ᠮᠥᠩᠭᠦ 6952.6 ᠲᠦᠮᠡᠨ ᠲᠥᠭᠦᠷᠢᠭ ᠲᠤ ᠬᠦᠷᠴᠡᠶ᠃ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠪᠡ᠃ ᠠᠵᠤ ᠦᠢᠯᠡᠳᠪᠦᠷᠢ ᠶᠢᠨ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠵᠤ᠂ ᠤᠮᠠᠷᠠᠲᠤ ᠣᠷᠣᠨ ᠤ ᠴᠢᠯᠠᠭᠤᠨ ᠲᠣᠰᠣᠨ ᠤ ᠠᠭᠤᠷᠬᠠᠶ ᠶᠢᠨ ᠵᠢᠢ ᠲᠠᠢ ᠬᠤᠪᠢᠶᠠᠷᠢ ᠺᠣᠮᠫᠠᠨᠢ 80 ᠬᠤᠳᠳᠤᠭ ᠥᠷᠥᠮᠳᠡᠵᠦ᠂ ᠡᠳᠦᠷ ᠲᠤ 201 ᠲᠣᠨ ᠲᠦᠭᠦᠬᠡᠶ ᠴᠢᠯᠠᠭᠤᠨ ᠲᠣᠰᠣ ᠭᠠᠷᠭᠠᠵᠤ ᠪᠠᠶᠢᠨ᠎ᠠ᠃ ᠵᠢᠨᠪᠤᠯᠠᠭ ᠪᠠᠯ ᠴᠢᠯᠠᠭᠤᠨ ᠤ ᠠᠭᠤᠷᠬᠠᠢ ᠶᠢ ᠰᠣᠩᠭᠤᠨ ᠪᠣᠯᠪᠠᠰᠤᠷᠠᠭᠤᠯᠬᠤ᠂ 160 ᠲᠦᠮᠡᠨ ᠺᠢᠯᠣᠸᠠᠲ ᠤᠨ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠵᠡᠷᠭᠡ ᠲᠥᠷᠥᠯ ᠵᠦᠢᠯ ᠢ ᠯᠠᠪᠳᠠᠭᠤᠨ ᠪᠠᠲᠤᠲᠠᠢ ᠠᠬᠢᠭᠤᠯᠪᠠ᠃ ᠪᠦᠬᠦ ᠵᠢᠯ ᠳᠤ 604.5 ᠲᠦᠮᠡᠨ ᠲᠣᠨ ᠨᠡᠭᠦᠷᠡᠰᠦ᠂ 123.1 ᠲᠦᠮᠡᠨ ᠲᠣᠨ ᠪᠣᠷᠵᠢᠨ ᠴᠢᠯᠠᠭᠤ᠂ 130 ᠲᠦᠮᠡᠨ ᠲᠣᠨ ᠳᠠᠪᠤᠰᠤ᠂ 29.8 ᠲᠦᠮᠡᠨ ᠲᠣᠨ ᠴᠡᠪᠡᠷ ᠬᠤᠵᠢᠷ ᠭᠠᠷᠭᠠᠵᠤ᠂ ᠴᠠᠬᠢᠯᠭᠠᠨ ᠡᠷᠴᠢᠮ ᠬᠦᠴᠦᠨ ᠤ ᠬᠤᠳᠠᠯᠳᠤᠭ᠎ᠠ 55.4 ᠳ᠋ᠦᠩᠰᠢᠭᠤᠷ ᠸᠠᠲ ᠲᠤ ᠬᠦᠷᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠭᠰᠡᠨ ᠥᠷᠲᠡᠭ ᠤᠨ ᠬᠡᠮᠵᠢᠶ᠎ᠡ 17.1% ᠳᠤ ᠬᠦᠷᠴᠦ᠂ ᠦᠢᠯᠡᠳᠪᠦᠷᠢᠯᠡᠯ ᠤᠨ ᠪᠣᠷᠣᠯᠠᠭᠤᠯᠭ᠎ᠠ ᠶᠢᠨ ᠨᠣᠷᠮ᠎ᠠ 91.2% ᠳᠤ ᠬᠦᠷᠪᠡ᠃ ᠣᠯᠠᠨᠪᠤᠯᠠᠭ ᠤᠨ ᠰᠢᠨ᠎ᠡ ᠠᠵᠤ ᠦᠢᠯᠡᠰ ᠤᠨ ᠰᠠᠭᠤᠷᠢᠨ ᠭᠠᠵᠠᠷ ᠤᠨ ᠲᠥᠯᠥᠪᠵᠢᠭᠦᠯᠭᠡ ᠨᠢ ᠬᠢᠨᠠᠨ ᠲᠣᠭᠲᠠᠭᠠᠯᠲᠠ ᠶᠢ ᠥᠩᠭᠡᠷᠡᠭᠡᠵᠦ᠂ ᠪᠠᠶ᠋ᠬᠠᠣᠪᠣᠭ᠎ᠠ ᠶᠢᠨ ᠣᠷᠣᠨ ᠠᠯᠤᠰᠯᠠᠭᠰᠠᠨ ᠠᠵᠤ ᠠᠬᠤᠶ ᠶᠢᠨ ᠬᠦᠷᠢᠶᠡᠯᠡᠩ ᠢ ᠡᠬᠢᠯᠡᠭᠦᠯᠦᠨ ᠪᠠᠶᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯ ᠤᠨ ᠡᠷᠴᠢ ᠬᠦᠴᠦ ᠶᠢ ᠤᠯᠠᠮ ᠨᠡᠮᠡᠭᠳᠡᠭᠦᠯᠪᠡ ᠃ ᠰᠣᠶᠣᠯ ᠵᠢᠭᠤᠯᠴᠢᠯᠠᠯ ᠤᠨ ᠦᠢᠯᠡᠰ ᠪᠦᠬᠦ ᠲᠠᠯ᠎ᠠ ᠪᠠᠷ ᠬᠥᠭᠵᠢᠪᠡ᠃ ᠡᠯᠡᠰᠦᠨ ᠴᠦᠯ ᠤᠨ ᠬᠦᠰᠡᠯ ᠮᠥᠷᠥᠭᠡᠳᠦᠯ ᠤᠨ ᠮᠠᠰᠢᠨ ᠲᠡᠷᠭᠡ ᠠᠭᠠᠷ ᠤᠨ ᠠᠶᠠᠯᠠᠯ ᠤᠨ ᠴᠡᠩᠭᠡᠭᠦᠨ ᠤ ᠭᠠᠵᠠᠷ᠂ ᠣᠯᠠᠨᠪᠤᠯᠠᠭ ᠦᠵᠡᠮᠵᠢ ᠶᠢᠨ ᠣᠷᠣᠨ ᠤ ᠡᠵᠡᠩᠨᠡᠯᠲᠡ ᠶᠢ ᠰᠢᠯᠵᠢᠭᠦᠯᠦᠨ ᠲᠤᠰᠢᠶᠠᠬᠤ ᠠᠵᠢᠯ ᠢ ᠭᠦᠢᠴᠡᠳᠬᠡᠪᠡ᠃ ᠶᠢᠰᠦᠨ ᠬᠤᠳᠳᠤᠭ ᠵᠢᠭᠤᠯᠴᠢᠯᠠᠯ ᠤᠨ ᠦᠵᠡᠮᠵᠢ ᠶᠢᠨ ᠣᠷᠣᠨ ᠤ ᠨᠢᠭᠡᠳᠦᠭᠡᠷ ᠬᠤᠭᠤᠴᠠᠭᠠᠨ ᠤ ᠪᠠᠶᠢᠭᠤᠯᠤᠯᠲᠠ ᠶᠢᠨ ᠠᠵᠢᠯ ᠢ ᠳᠠᠭᠤᠰᠬᠠᠨ ᠨᠢᠭᠡᠨᠲᠡ ᠠᠰᠢᠭᠯᠠᠯᠲᠠ ᠳᠤ ᠣᠷᠣᠭᠤᠯᠵᠤ᠂ ᠡᠷᠲᠡᠨ ᠤ ᠬᠡᠪᠢᠰ ᠨᠡᠬᠡᠬᠦ ᠮᠡᠷᠭᠡᠵᠢᠯ ᠢ ᠤᠯᠠᠮᠵᠢᠯᠠᠬᠤ ᠰᠠᠭᠤᠷᠢᠨ ᠭᠠᠵᠠᠷ ᠵᠡᠷᠭᠡ ᠲᠥᠷᠥᠯ ᠵᠦᠢᠯ ᠢ ᠤᠷᠤᠭᠰᠢ ᠠᠬᠢᠭᠤᠯᠪᠠ᠃ ᠨᠠᠢᠮᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠮᠥ᠋ᠴᠢᠷ ᠤᠨ ᠤᠷᠠᠯᠢᠭ ᠤᠨ ᠨᠠᠶᠢᠷ᠂ 14 ᠳ᠋ᠦ᠋ᠭᠡᠷ ᠬᠤᠭᠤᠴᠠᠭᠠᠨ ᠤ ᠠᠯᠠᠱᠠ ᠪᠠᠭᠠᠲᠤᠷᠴᠤᠳ ᠤᠨ ᠴᠤᠭᠯᠠᠭᠠᠨ᠂ ᠦᠵᠡᠮᠦᠷᠢ ᠶᠢᠨ ᠴᠢᠯᠠᠭᠤᠨ ᠰᠣᠶᠣᠯ ᠤᠨ ᠨᠠᠶᠢᠷ ᠵᠡᠷᠭᠡ ᠲᠣᠮᠣ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠠᠮᠵᠢᠯᠲᠠ ᠲᠠᠢ ᠡᠷᠬᠢᠯᠡᠨ ᠶᠠᠪᠤᠭᠳᠠᠭᠤᠯᠪᠠ᠃ ᠠᠯᠠᠱᠠ ᠶᠢᠨ ᠪᠠᠷᠠᠭᠤᠨ ᠬᠡᠰᠡᠭ ᠤᠨ ᠬᠤᠪᠢᠰᠬᠠᠯ ᠤᠨ ᠱᠤᠭᠤᠮ ᠢ ᠪᠠᠶᠢᠴᠠᠭᠠᠨ ᠲᠣᠳᠣᠷᠬᠠᠶᠢᠯᠠᠬᠤ ᠠᠵᠢᠯ ᠢ ᠥᠷᠨᠢᠭᠦᠯᠪᠡ᠃ ᠪᠥᠬᠦ ᠵᠢᠯ ᠳᠤ ᠵᠢᠭᠤᠯᠴᠢᠳ ᠢ 857 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ 78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.5% ᠪᠠ 21.9% ᠪᠠᠷ ᠨᠡᠮᠡᠭᠳᠡᠪᠡ᠃ᠠᠮᠢ ᠠᠬᠤᠢ ᠶᠢᠨ ᠣᠨᠴᠠᠯᠢᠭᠲᠤ ᠠᠵᠤ ᠦᠢᠯᠡᠰ ᠰᠢᠨ᠎ᠡ ᠨᠡᠭᠡᠭᠡᠯᠲᠡ ᠲᠠᠢ ᠪᠣᠯᠪᠠ᠃ ᠴᠠᠭᠠᠨ ᠭᠤᠶᠣᠣ ᠶᠢ ᠤᠯᠤᠰ ᠤᠨ ᠡᠮ ᠢᠳᠡᠭᠡᠨ ᠤ ᠲᠥᠷᠥᠯ ᠵᠦᠢᠯ ᠤᠨ ᠲᠤᠷᠰᠢᠯᠲᠠ ᠶᠢᠨ ᠴᠡᠭ ᠤᠨ ᠨᠡᠷᠡᠰ ᠲᠤ ᠣᠷᠣᠭᠤᠯᠪᠠ᠃ ᠣᠨᠴᠠᠯᠢᠭᠲᠤ ᠡᠯᠡᠰᠦᠨ ᠤ ᠤᠷᠭᠤᠮᠠᠯ ᠤᠨ ᠡᠷᠡᠭᠦᠯ ᠮᠡᠨᠳᠦ ᠶᠢᠨ ᠪᠦᠲᠦᠭᠡᠭᠳᠡᠬᠦᠨ ᠵᠡᠷᠭᠡ 2 ᠤᠯᠤᠰ ᠤᠨ ᠭᠤᠣᠯᠳᠠᠯᠭ᠎ᠠ ᠲᠠᠢ ᠰᠤᠳᠤᠯᠭᠠᠨ ᠤ ᠠᠵᠢᠯ ᠢ ᠲᠦᠯᠬᠢᠨ ᠠᠬᠢᠭᠤᠯᠵᠤ᠂ ᠡᠯᠡᠰᠦᠨ ᠴᠥᠯ ᠤᠨ ᠰᠢᠭᠦᠰᠦᠯᠢᠭ ᠵᠢᠮᠢᠰ ᠢ ᠥᠨᠳᠥᠷ ᠥᠷᠲᠡᠭ ᠲᠠᠢ ᠨᠡᠭᠡᠭᠡᠨ ᠠᠰᠢᠭᠯᠠᠬᠤ ᠮᠡᠷᠭᠡᠵᠢᠯ ᠵᠡᠷᠭᠡ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠡᠰ ᠤᠨ ᠰᠢᠨᠵᠢᠯᠡᠭᠡ ᠮᠡᠷᠭᠡᠵᠢᠯ ᠤᠨ ᠰᠤᠳᠤᠯᠬᠤ ᠪᠠ ᠠᠰᠢᠭᠯᠠᠯᠲᠠ ᠳᠤ ᠣᠷᠣᠭᠤᠯᠬᠤ 30 ᠲᠥᠷᠥᠯ ᠵᠦᠢᠯ ᠢ ᠬᠡᠷᠡᠭᠵᠢᠭᠦᠯᠪᠡ᠃ ᠠᠮᠢ ᠠᠬᠤᠶ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠵᠦ᠂ 4 ᠠᠵᠤ ᠠᠬᠤᠶᠢᠯᠠᠯ ᠢ ᠰᠢᠨ᠎ᠡ ᠪᠠᠷ ᠨᠡᠮᠡᠭᠳᠡᠭᠦᠯᠪᠡ᠃ ᠡᠯᠡᠰᠦᠨ ᠤ ᠠᠵᠤ ᠦᠢᠯᠡᠰ ᠤᠨ ᠨᠡᠭᠡᠭᠡᠯᠲᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠪᠠᠶᠢᠭᠤᠯᠪᠠ᠃ ᠡᠯᠡᠰᠦᠨ ᠤ ᠠᠵᠤ ᠦᠢᠯᠡᠰ ᠤᠨ ᠤᠷᠤᠯᠳᠤᠭᠠᠨ ᠢ ᠤᠯᠤᠰ ᠤᠨ ᠤᠷᠤᠯᠳᠤᠭᠠᠨ ᠤ ᠵᠡᠷᠭᠡᠯᠡᠯ ᠳᠤ ᠣᠷᠣᠭᠤᠯᠪᠠ᠃ ᠠᠯᠠᠱᠠ ᠶᠢᠨ ᠠᠮᠢ ᠠᠬᠤᠢ ᠶᠢᠨ ᠣᠨᠴᠠᠯᠢᠭᠲᠤ ᠠᠵᠤ ᠦᠢᠯᠡᠰ ᠤᠨ ᠠᠯᠳᠠᠷᠰᠢᠯ ᠤᠯᠠᠮ ᠨᠡᠮᠡᠭᠳᠡᠪᠡ᠃︵ᠭᠤᠷᠪᠠ︶ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠰᠠᠶᠢᠵᠢᠷᠠᠭᠤᠯᠪᠠᠬᠤᠲᠠ ᠪᠠᠯᠭᠠᠰᠤᠨ ᠤ ᠪᠦᠲᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ ᠎ᠡ ᠠᠰᠢᠭ ᠢ ᠨᠡᠮᠡᠭᠳᠡᠭᠦᠯᠪᠡ᠃ ᠬᠤᠲᠠ ᠶᠢᠨ ᠵᠠᠮ᠂ ᠬᠠᠭᠤᠴᠢᠨ ᠬᠤᠷᠢᠶᠠᠯᠠᠯ ᠢ ᠰᠢᠨᠡᠳᠬᠡᠨ ᠰᠠᠶᠢᠵᠢᠷᠠᠭᠤᠯᠬᠤ᠂ ︽ᠨᠡᠶᠢᠲᠡ ᠶᠢᠨ ᠵᠣᠷᠯᠣᠩ ᠤᠨ ᠥᠭᠡᠷᠡᠴᠢᠯᠡᠯᠲᠡ︾ ᠵᠡᠷᠭᠡ 18 ᠭᠤᠣᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠪᠡ᠃ ᠰᠢᠨ᠎ᠡ ᠪᠠᠷ ᠨᠡᠮᠡᠭᠳᠡᠭᠦᠯᠦᠭᠰᠡᠨ ᠲᠡᠷᠭᠡᠨ ᠵᠣᠭᠰᠣᠭᠠᠯ ᠤᠨ ᠲᠠᠯᠠᠪᠠᠶ ᠨᠡᠶᠢᠲᠡ 1.8 ᠲᠦᠮᠡᠨ ᠺᠦᠸᠠᠳ᠋ ᠮᠧᠳ᠋ᠷ ᠲᠤ ᠬᠦᠷᠴᠡᠶ᠃ ᠰᠢᠯᠢ ᠶᠢᠨ ᠵᠠᠮ ᠤᠨ ᠡᠷᠭᠢᠨ ᠲᠣᠭᠤᠷᠢᠨ ᠵᠡᠷᠭᠡ 13 ᠣᠷᠣᠨ ᠪᠦᠰᠡ ᠶᠢᠨ 2734 ᠬᠠᠭᠤᠴᠢᠨ ᠣᠷᠣᠨ ᠰᠠᠭᠤᠴᠠ ᠶᠢᠨ ᠲᠣᠬᠢᠵᠢᠭᠤᠯᠤᠯᠲᠠ ᠶᠢ ᠪᠡᠶᠡᠯᠡᠭᠦᠯᠪᠡ᠃ ᠲᠩᠷᠢ ᠬᠤᠷᠢᠶᠠᠯᠠᠯ ᠳᠤ 1005 ᠡᠷᠦᠭᠡ ᠶᠢ ᠨᠡᠭᠦᠯᠭᠡᠨ ᠰᠢᠯᠵᠢᠭᠦᠯᠪᠡ᠃ ᠨᠡᠶᠢᠲᠡ 275 ᠺᠢᠯᠣᠮᠧᠳ᠋ᠷ ᠰᠢᠲᠠᠮᠠᠬᠠᠶ ᠬᠡᠢ ᠶᠢᠨ ᠬᠤᠭᠤᠯᠠᠶ ᠶᠢ ᠨᠡᠪᠲᠡᠷᠡᠭᠦᠯᠵᠦ᠂ 3468 ᠪᠠᠶᠢᠭᠠᠯᠢ ᠶᠢᠨ ᠰᠢᠲᠠᠮᠠᠬᠠᠶ ᠬᠡᠢ ᠶᠢᠨ ᠬᠡᠷᠡᠭᠯᠡᠭᠴᠢᠳ ᠨᠡᠮᠡᠭᠳᠡᠪᠡ᠃ 5 ︽ᠪᠢᠴᠢᠯ ᠴᠡᠴᠡᠷᠯᠢᠭ︾ ᠢ ᠰᠢᠨᠡᠴᠢᠯᠡᠨ ᠰᠠᠶᠢᠵᠢᠷᠠᠭᠤᠯᠵᠤ᠂ ᠬᠤᠲᠠ ᠶᠢᠨ ᠴᠡᠴᠡᠷᠯᠢᠭᠵᠢᠭᠦᠯᠦᠯᠲᠡ ᠶᠢᠨ ᠨᠣᠷᠮ᠎ᠠ 39.6% ᠳᠤ ᠬᠦᠷᠴᠦ᠂ ᠤᠯᠤᠰ ᠤᠨ ᠳᠡᠰ ᠤᠨ ᠴᠡᠴᠡᠷᠯᠢᠭᠲᠦ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠬᠤᠭ ᠨᠣᠪᠰᠢ ᠶᠢ ᠲᠦᠷᠦᠯ ᠬᠤᠪᠢᠶᠠᠬᠤ ᠲᠤᠷᠰᠢᠯᠲᠠ ᠶᠢᠨ ᠴᠡᠭ ᠤᠨ ᠠᠵᠢᠯ ᠢ ᠬᠡᠷᠡᠭᠵᠢᠭᠦᠯᠪᠡ᠃ ᠪᠦᠬᠦ ᠠᠶᠢᠮᠠᠭ ᠤᠨ ︽ᠬᠤᠲᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢᠴᠢ ᠬᠠᠭᠤᠴᠢᠨ ᠰᠠᠭᠤᠴᠠ ᠶᠢ ᠰᠢᠨᠡᠴᠢᠯᠡᠨ ᠪᠠᠶᠢᠭᠤᠯᠬᠤ ᠦᠵᠡᠭᠦᠯᠭᠡ ᠶᠢᠨ ᠬᠤᠷᠠᠯ︾ ᠶᠢ ᠠᠮᠵᠢᠯᠲᠠ ᠲᠠᠢ ᠵᠣᠬᠢᠶᠠᠨ ᠪᠠᠶᠢᠭᠤᠯᠵᠤ᠂ ᠬᠤᠲᠠ ᠶᠢᠨ ᠲᠣᠤᠷᠵᠢᠭᠤᠯᠤᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠣᠯᠭ᠎ᠠ ᠶᠢ ᠬᠡᠷᠡᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠡᠷᠦᠩᠬᠡᠶ ᠲᠥᠯᠥᠪᠵᠢᠭᠦᠯᠭᠡ ᠵᠡᠷᠭᠡ 13 ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠢᠨᠠᠨ ᠲᠣᠭᠲᠠᠭᠠᠬᠤ ᠪᠠ ᠬᠡᠷᠡᠭᠵᠢᠭᠦᠯᠬᠦ ᠶᠢ ᠪᠡᠶᠡᠯᠡᠭᠦᠯᠪᠡ᠃ ᠠᠵᠤ ᠦᠢᠯᠡᠰ ᠤᠨ ᠬᠥᠭᠵᠢᠯᠲᠡ᠂ ᠣᠷᠴᠢᠨ ᠲᠣᠭᠤᠷᠢᠨ ᠢ ᠵᠠᠰᠠᠨ ᠴᠡᠭᠴᠡᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ᠃ ᠦᠵᠦᠮ ᠤᠨ ᠬᠥᠳᠡᠭᠡ ᠵᠡᠷᠭᠡ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 6 ᠵᠢᠱᠢᠶ᠎ᠡ ᠦᠵᠡᠭᠦᠯᠬᠦ ᠴᠡᠭ ᠤᠨ ᠵᠢᠱᠢᠶᠡᠴᠢ ᠦᠢᠯᠡᠳᠦᠯ ᠨᠡᠯᠢᠶᠡᠳ ᠰᠠᠶᠢᠨ ᠦᠷ᠎ᠡ ᠳ᠋ᠦᠩ ᠣᠯᠪᠠ᠃ ᠪᠦᠬᠦ ᠬᠤᠰᠢᠭᠤᠨ ᠤ ᠭᠠᠴᠠᠭ᠎ᠠ ᠲᠣᠰᠬᠤᠨ ᠪᠦᠷᠢ ᠶᠢᠨ ᠬᠠᠮᠲᠤ ᠶᠢᠨ ᠬᠤᠷᠠᠮᠳᠤᠭᠤᠯᠤᠯ 5 ᠲᠦᠮᠡᠨ ᠲᠥᠭᠦᠷᠢᠭ ᠠᠴᠠ ᠳᠠᠪᠠᠭᠰᠠᠨ ᠪᠠᠶᠢᠨ᠎ᠠ᠃ 2514.5 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠪᠡ᠃ ᠲᠠᠷᠢᠶᠠᠯᠠᠬᠤ ᠮᠠᠯᠵᠢᠬᠤ ᠣᠷᠣᠨ ᠤ 1182 ᠡᠷᠦᠬᠡ ᠳᠤ ᠵᠣᠷᠯᠣᠩ ᠪᠠᠷᠢᠵᠤ᠂ ᠰᠢᠲᠠᠮᠬᠠᠢ ᠠᠭᠤᠷ ᠢᠶᠠᠷ ᠬᠠᠶᠢᠯᠤᠭᠤᠯᠬᠤ ᠵᠤᠤᠬ᠎ᠠ᠂ ᠬᠤᠭ ᠨᠣᠪᠰᠢ ᠳᠠᠮᠵᠢᠭᠤᠯᠤᠨ ᠲᠡᠭᠡᠭᠡᠪᠦᠷᠢᠯᠡᠬᠦ ᠲᠡᠷᠭᠡ ᠵᠡᠷᠭᠡ ᠪᠠᠶᠢᠭᠤᠯᠤᠮᠵᠢ ᠨᠤᠭᠤᠳ ᠠᠰᠢᠭᠯᠠᠯᠲᠠ ᠳᠤ ᠣᠷᠣᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠪᠠ᠃ᠰᠠᠭᠤᠷᠢ ᠲᠥᠬᠦᠭᠡᠷᠦᠮᠵᠢ ᠶᠢ ᠤᠯᠠᠮ ᠰᠠᠶᠢᠵᠢᠷᠠᠭᠤᠯᠪᠠ᠃ ᠠᠵᠢᠯ ᠡᠭᠦᠷᠭᠡ ᠭᠦᠢᠴᠡᠳᠬᠡᠬᠦ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠥᠷᠲᠡᠭᠡᠨ ᠤ ᠠᠰᠠᠷ ᠢ ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠵᠡᠷᠭᠡ ᠲᠥᠷᠥᠯ ᠵᠦᠢᠯ ᠤᠨ ᠠᠬᠢᠴᠠ ᠤᠷᠤᠭᠰᠢᠲᠠᠶ ᠪᠠᠶᠢᠨ᠎ᠠ᠃ S315 ᠪᠠᠶᠠᠨᠬᠤᠲᠠ ᠠᠴᠠ ᠲᠡᠮᠡᠭᠡᠲᠦ ᠬᠦᠷᠬᠦ ᠵᠠᠮ ᠵᠡᠷᠭᠡ 40 ᠵᠠᠮ ᠬᠠᠷᠢᠯᠴᠠᠭᠠᠨ ᠤ ᠲᠥᠷᠥᠯ ᠵᠦᠢᠯ ᠢ ᠬᠡᠷᠡᠭᠵᠢᠭᠦᠯᠵᠦ᠂ ᠪᠥᠬᠦ ᠬᠤᠰᠢᠭᠤᠨ ᠤ ᠭᠠᠴᠠᠭ᠎ᠠ ᠲᠣᠰᠬᠤᠨ ᠤ ︽ᠬᠤᠶᠠᠷ ᠢ ᠨᠡᠪᠲᠡᠷᠡᠭᠦᠯᠬᠦ︾ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ ᠴᠠᠬᠢᠯᠭᠠᠨ ᠱᠤᠭᠤᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠱᠠᠩ ᠤᠨ ᠳᠠᠯᠠᠢ ᠶᠢᠨ 110 ᠺᠢᠯᠣᠸᠠᠲ᠂ ᠣᠯᠠᠨᠪᠤᠯᠠᠭ ᠪᠠᠯᠭᠠᠰᠤᠨ ᠤ 35 ᠺᠢᠯᠣᠸᠠᠲ ᠤᠨ ᠴᠠᠬᠢᠯᠭᠠᠨ ᠬᠦᠴᠦᠨ ᠤ 5 ᠢᠨᠵᠧᠨᠧᠷᠢᠩ ᠢ ᠳᠠᠭᠤᠰᠬᠠᠪᠠ᠃ ᠠᠯᠠᠱᠠ ᠶᠢᠨ ᠬᠠᠳᠤᠨ ᠭᠤᠣᠯ ᠤᠨ ᠦᠶᠡᠷ ᠤᠨ ᠭᠠᠮᠰᠢᠭ ᠠᠴᠠ ᠰᠡᠷᠭᠡᠶᠢᠯᠡᠬᠦ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠨ ᠤᠰᠤ ᠵᠠᠯᠠᠬᠤ ᠢᠨᠵᠧᠨᠧᠷᠢᠩ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠪᠠ᠃ ᠪᠥᠬᠦ ᠬᠤᠰᠢᠭᠤᠨ ᠤ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠤ ᠢᠨᠲ᠋ᠧᠷ ᠰᠦᠯᠵᠢᠶ᠎ᠡ ᠶᠢᠨ ᠳᠣᠬᠢᠶ᠎ᠠ ᠳᠠᠮᠵᠢᠭᠤᠯᠭ᠎ᠠ ᠶᠢ ᠰᠠᠶᠢᠵᠢᠷᠠᠭᠤᠯᠪᠠ᠃ ᠰᠠᠭᠤᠷᠢ ᠲᠥᠬᠦᠭᠡᠷᠦᠮᠵᠢ ᠶᠢᠨ ᠬᠤᠴᠣᠷᠤᠩᠭᠤᠢ ᠲᠠᠯ᠎ᠠ ᠶᠢ ᠨᠥᠬᠦᠨ ᠰᠠᠶᠢᠵᠢᠷᠠᠭᠤᠯᠪᠠ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号