2020 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠬᠤᠶᠠᠷ︶
ᠨᠡᠶᠢᠲᠡᠯᠡᠭᠰᠡᠨ ᠴᠠᠭ᠄
2020/9/25
︵ᠳᠥᠷᠪᠡ︶ ᠰᠢᠨᠡᠴᠢᠯᠡᠯᠲᠡ ᠬᠥᠭᠵᠢᠯᠲᠡ ᠶᠢᠨ ᠡᠷᠴᠢᠮ ᠬᠦᠴᠦ ᠲᠠᠰᠤᠷᠠᠯᠲᠠ ᠦᠭᠡᠢ ᠰᠠᠶᠢᠵᠢᠷᠠᠪᠠᠭᠤᠤᠯᠳᠠᠯᠭ᠎ᠠ ᠲᠠᠢ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠪᠠ᠃ ᠠᠵᠤ ᠠᠬᠤᠶ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢᠨ 41 ᠲᠥᠷᠥᠯ ᠢ ᠡᠬᠢᠯᠡᠭᠦᠯᠵᠦ᠂ 22 ᠲᠥᠷᠥᠯ ᠨᠢ ᠦᠷ᠎ᠡ ᠳ᠋ᠦᠩ ᠲᠠᠢ ᠪᠣᠯᠣᠭᠰᠠᠨ ᠪᠠᠶᠢᠨ᠎ᠠ᠃ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠰᠢᠨᠡᠴᠢᠯᠡᠯ ᠢ ᠴᠢᠨᠠᠷᠯᠢᠭ ᠪᠡᠶᠡᠯᠡᠭᠦᠯᠪᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠷᠤᠢ ᠲᠦᠷᠭᠡᠨ ᠭᠦᠢᠴᠡᠳᠭᠡᠬᠦ ᠨᠣᠷᠮ᠎ᠠ ᠪᠠ ᠣᠯᠠᠨ ᠲᠦᠮᠡᠨ ᠤ ᠬᠠᠨᠤᠮᠵᠢ ᠶᠢᠨ ᠨᠣᠷᠮ᠎ᠠ ᠳᠡᠭᠡᠭᠰᠢᠯᠡᠭᠰᠡᠨ ᠪᠠᠶᠢᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠴᠢᠩᠭᠠᠳᠬᠠᠵᠤ᠂ 114 ᠭᠠᠴᠠᠭ᠎ᠠ ᠲᠣᠰᠬᠤᠨ ᠤ ᠡᠳ᠋ ᠬᠥᠷᠥᠩᠭᠡ ᠶᠢ ᠪᠦᠷᠢᠳᠬᠡᠨ ᠬᠠᠷᠭᠤᠭᠤᠯᠬᠤ ᠠᠵᠢᠯ ᠢ ᠪᠡᠶᠡᠯᠡᠭᠦᠯᠵᠦ᠂ ᠪᠦᠬᠦ ᠠᠶᠢᠮᠠᠭ ᠤᠨ ᠠᠩᠬᠠᠳᠠᠭᠴᠢ ᠭᠠᠴᠠᠭ᠎ᠠ ᠲᠣᠰᠬᠤᠨ ᠤ ᠬᠠᠮᠲᠤ ᠶᠢᠨ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠢ ᠳᠠᠩᠰᠠᠯᠠᠨ ᠪᠦᠷᠢᠳᠬᠡᠪᠡ᠃ ᠤᠯᠤᠰ ᠤᠨ ᠥᠮᠴᠢᠯᠡᠯ ᠤᠨ ᠡᠳ᠋ ᠬᠦᠷᠦᠩᠭᠡ ᠪᠠ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠡᠷᠴᠢᠮᠲᠡᠢ ᠥᠷᠨᠢᠭᠦᠯᠵᠦ᠂ ᠪᠠᠷᠠᠭᠤᠨ ᠣᠷᠣᠨ ᠤ ᠺᠠᠢ ᠶᠤᠸᠠᠨ ᠠᠭᠤᠷᠬᠠᠶ ᠶᠢᠨ ᠡᠨᠧᠷᠭᠢ ᠶᠢᠨ ᠺᠣᠮᠫᠠᠨᠢ ᠶᠢ ᠪᠠᠶᠢᠭᠤᠯᠵᠤ ᠂ ᠤᠯᠤᠰ ᠤᠨ ᠥᠮᠴᠢᠯᠡᠯᠲᠤ ᠠᠵᠤ ᠠᠬᠤᠶᠢᠯᠠᠯ ᠤᠨ ᠬᠦᠴᠦᠷᠬᠡᠭᠵᠢᠨ ᠬᠥᠭᠵᠢᠬᠦ ᠶᠢ ᠠᠬᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠰᠢᠯᠢᠳᠡᠭᠵᠢᠭᠦᠯᠪᠡ᠃ ᠵᠠᠬ᠎ᠠ ᠳᠡᠯᠭᠡᠭᠦᠷ ᠤᠨ ᠭᠤᠣᠯᠯᠠᠨ ᠡᠵᠡᠩᠨᠡᠭᠴᠢ ᠶᠢ 3599 ᠡᠷᠦᠬᠡ ᠰᠢᠨ᠎ᠡ ᠪᠠᠷ ᠨᠡᠮᠡᠭᠳᠡᠭᠦᠯᠪᠡ᠃ ᠭᠠᠶᠢᠯᠢ ᠲᠠᠲᠠᠪᠤᠷᠢ ᠶᠢ ᠬᠥᠩᠭᠡᠯᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ 2.1 ᠳ᠋ᠦᠩᠰᠢᠭᠤᠷ ᠲᠥᠭᠦᠷᠢᠭ ᠤᠨ ᠭᠠᠶᠢᠯᠢ ᠶᠢᠨ ᠬᠥᠩᠭᠡᠯᠡᠯᠲᠡ ᠦᠵᠡᠭᠦᠯᠵᠦ ᠂ ᠠᠵᠤ ᠠᠬᠤᠶᠢᠯᠠᠯ ᠤᠨ ᠠᠴᠢᠶᠠᠯᠠᠯ ᠢ ᠪᠠᠭᠤᠷᠠᠭᠤᠯᠤᠭᠰᠠᠨ ᠪᠠᠶᠢᠨ᠎ᠠ᠃ ᠴᠠᠬᠢᠮ ᠬᠤᠳᠠᠯᠳᠤᠭᠠᠨ ᠤ ᠬᠥᠭᠵᠢᠯᠲᠡ ᠶᠢ ᠦᠷᠭᠦᠯᠵᠢᠯᠡᠨ ᠠᠬᠢᠭᠤᠯᠵᠤ᠂ ︽ᠱᠧᠩ ᠴᠤᠸᠠᠩ ᠢᠦᠢ ᠰᠢᠤᠸᠠᠨ︾ ᠵᠡᠷᠭᠡ 6 ᠣᠨᠴᠠᠯᠢᠭᠲᠤ ᠨᠠᠷᠠᠲᠤ ᠲᠡᠮᠳᠡᠭ ᠢ ᠪᠦᠷᠢᠯᠳᠦᠭᠦᠯᠪᠡ᠃ 14 ᠠᠵᠤ ᠠᠬᠤᠶᠢᠯᠠᠯ ᠢ ︽ᠲᠤᠰᠬᠠᠶ ᠮᠡᠷᠭᠡᠵᠢᠯ ᠤᠨ᠂ ᠣᠬᠢ ᠰᠢᠯᠢᠳᠡᠭ᠂ ᠥᠪᠡᠷ ᠤᠨ ᠣᠨᠴᠠᠯᠢᠭ ᠲᠠᠢ᠂ ᠰᠢᠨᠡᠴᠢᠯᠡᠯᠲᠡ ᠲᠠᠢ︾ ᠳᠤᠮᠳᠠ ᠵᠢᠵᠢᠭ ᠠᠵᠤ ᠠᠬᠤᠶᠢᠯᠠᠯ ᠤᠨ ᠬᠥᠮᠥᠷᠭᠡ ᠳᠤ ᠤᠷᠣᠭᠤᠯᠪᠠ᠃ ︽ᠵᠠᠰᠠᠭ ᠠᠴᠠ ᠳᠠᠭᠠᠭᠠᠨ ᠲᠤᠰᠠᠯᠠᠬᠤ ᠵᠢᠭᠡᠯᠡᠯᠭᠡ︾ ᠪᠠᠷ ᠪᠡᠯᠡ ᠬᠤᠷᠠᠮᠳᠤᠭᠤᠯᠤᠨ ᠲᠡᠳᠬᠦᠬᠦ ᠡᠷᠴᠢᠮ ᠢ ᠴᠢᠩᠭᠠᠳᠬᠠᠵᠤ ᠂ 4800 ᠲᠦᠮᠡᠨ ᠲᠥᠭᠦᠷᠢᠭ ᠤᠨ ᠵᠢᠵᠢᠭ ᠪᠢᠴᠢᠯ ᠠᠵᠤ ᠠᠬᠤᠶᠢᠯᠠᠯ ᠳᠤ ᠵᠢᠭᠡᠯᠡᠯᠭᠡ ᠣᠯᠭᠤᠪᠠ᠃ ᠰᠢᠨ᠎ᠡ ᠡᠨᠧᠷᠭᠢ ᠵᠡᠷᠭᠡ ᠲᠥᠷᠥᠯ ᠵᠦᠢᠯ ᠤᠨ ᠪᠡᠯᠡ ᠮᠥᠩᠭᠦ ᠶᠢ 554.6 ᠲᠦᠮᠡᠨ ᠲᠥᠭᠦᠷᠢᠭ ᠡᠷᠡᠮᠡᠯᠵᠡᠯᠡᠨ ᠣᠯᠣᠭᠰᠠᠨ ᠪᠠᠶᠢᠨ᠎ᠠ᠃ᠭᠠᠳᠠᠭᠰᠢ ᠨᠡᠭᠡᠭᠡᠯᠲᠡ ᠬᠢᠬᠦ ᠠᠯᠬᠤᠴᠠ ᠶᠢ ᠲᠦᠷᠭᠡᠳᠪᠡ᠃ ᠥᠯᠵᠡᠶ ᠪᠣᠭᠤᠮᠲᠠ ᠶᠢᠨ ᠬᠠᠮᠲᠤᠷᠠᠭᠰᠠᠨ ᠰᠢᠯᠭᠠᠨ ᠪᠠᠶᠢᠴᠠᠭᠠᠬᠤ ᠠᠰᠠᠷ᠂ ᠬᠠᠮᠲᠤᠷᠠᠨ ᠰᠢᠯᠭᠠᠬᠤ ᠪᠠ ᠭᠠᠶᠢᠯᠢ ᠶᠢᠨ ᠪᠦᠷᠢᠳᠬᠡᠭᠦᠯᠦᠯᠲᠡ ᠶᠢᠨ ᠦᠢᠯᠡᠴᠢᠯᠡᠭᠡ ᠶᠢ ᠨᠢᠭᠡᠳᠬᠡᠭᠰᠡᠨ ᠢᠨᠵᠧᠨᠧᠷᠢᠩ ᠤᠨ ᠭᠤᠣᠯ ᠪᠠᠷᠢᠯᠭ᠎ᠠ ᠳᠠᠭᠤᠰᠴᠤ᠂ ᠮᠣᠩᠭᠤᠯ ᠤᠨ ᠲᠠᠯ᠎ᠠ ᠶᠢᠨ ᠬᠠᠮᠲᠤᠷᠠᠭᠰᠠᠨ ᠰᠢᠯᠭᠠᠨ ᠪᠠᠶᠢᠴᠠᠭᠠᠬᠤ ᠭᠠᠵᠠᠷ ᠤᠨ ᠰᠠᠭᠤᠷᠢ ᠲᠥᠬᠦᠭᠡᠷᠦᠮᠵᠢ ᠶᠢ ᠲᠤᠰᠠᠯᠠᠨ ᠪᠠᠶᠢᠭᠤᠯᠬᠤ ᠲᠥᠷᠥᠯ ᠵᠦᠢᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠭᠠᠳᠠᠭᠠᠳᠤ ᠭᠠᠷᠭᠠᠯᠭ᠎ᠠ 5990 ᠲᠦᠮᠡᠨ ᠲᠥᠭᠦᠷᠢᠭ ᠲᠤ ᠬᠦᠷᠪᠡ᠃ ᠬᠥᠬᠡᠬᠤᠲᠠ ᠪᠤᠭᠤᠲᠤ ᠢᠷᠭᠠᠢ ᠲᠡᠮᠡᠭᠡᠲᠦ ᠬᠤᠲᠠ ︵ᠢᠦᠢ ᠯᠢᠨ︶ ᠶᠢᠨ ᠠᠵᠤ ᠠᠬᠤᠢ ᠶᠢᠨ ᠣᠷᠣᠨ᠂ ᠯᠢᠶᠠᠨ ᠶᠦᠨ ᠭᠠᠩ᠂ ᠯᠠᠨᠵᠧᠦ᠂ ᠰᠢᠨᠵᠢᠶᠠᠩ ᠤᠨ ᠠᠵᠤ ᠠᠬᠤᠢ ᠶᠢᠨ ᠪᠦᠰᠡ ᠳᠤ ᠢᠳᠡᠪᠬᠢᠲᠡᠢ ᠨᠢᠭᠡᠳᠴᠦ᠂ ᠰᠠᠭᠤᠷᠢ ᠲᠥᠬᠦᠭᠡᠷᠦᠮᠵᠢ ᠶᠢᠨ ᠬᠠᠷᠢᠯᠴᠠᠭ᠎ᠠ ᠬᠤᠯᠪᠣᠭ᠎ᠠ ᠶᠢ ᠰᠠᠶᠢᠵᠢᠷᠠᠭᠤᠯᠪᠠ᠃ ᠠᠯᠠᠱᠠ ᠶᠢᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠣᠷᠣᠨ ᠪᠦᠰᠡ ᠶᠢᠨ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠲᠡᠬᠦ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠪᠡ᠃︵ᠲᠠᠪᠤ︶ ᠠᠮᠢ ᠠᠬᠤᠶ ᠶᠢᠨ ᠠᠶᠦᠯᠭᠦᠢ ᠶᠢᠨ ᠬᠠᠯᠬᠠᠪᠴᠢ ᠶᠢ ᠪᠠᠬᠢᠵᠢᠭᠦᠯᠪᠡᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢ ᠶᠡᠷᠦᠩᠬᠡᠶᠢᠯᠡᠨ ᠰᠠᠶᠢᠵᠢᠷᠠᠭᠤᠯᠵᠤ ᠴᠢᠩᠭᠠᠳᠬᠠᠪᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠥᠷᠨᠢᠭᠦᠯᠪᠡ᠃ ᠠᠮᠢ ᠠᠬᠤᠶ ᠶᠢᠨ ᠬᠤᠷᠢᠭ᠎ᠠ ᠱᠤᠭᠤᠮ ᠤᠨ ᠲᠠᠯᠠᠪᠠᠢ 4.67 ᠲᠦᠮᠡᠨ ᠺᠦᠸᠠᠳ᠋ ᠺᠢᠯᠣᠮᠧᠳ᠋ᠷ ᠢ ᠳᠡᠭᠡᠷ᠎ᠡ ᠱᠠᠲᠤᠨ ᠳᠤ ᠮᠡᠳᠡᠭᠦᠯᠪᠡ᠃ ᠭᠠᠵᠠᠷ ᠰᠢᠷᠣᠶ ᠬᠡᠷᠡᠭᠯᠡᠬᠦ ᠰᠢᠨ᠎ᠡ ᠣᠷᠣᠨ ᠲᠤᠭ᠎ᠠ ᠶᠢ ᠡᠷᠡᠮᠡᠯᠵᠡᠯᠡᠨ ᠣᠯᠵᠤ᠂ ᠵᠥᠪᠰᠢᠶᠡᠷᠡᠯ ᠣᠯᠣᠭᠰᠠᠨ ᠴᠤ ᠣᠯᠭᠤᠭ᠎ᠠ ᠦᠭᠡᠢ ᠭᠠᠵᠠᠷ ᠰᠢᠷᠣᠢ ᠪᠠ ᠰᠤᠯᠠ ᠭᠠᠵᠠᠷ ᠰᠢᠷᠣᠢ ᠶᠢ ᠡᠷᠭᠢᠯᠲᠡ ᠳᠤ ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠪᠦᠬᠦ ᠵᠢᠯ ᠳᠤ 245.89 ᠾᠧᠺᠲ᠋ᠠᠷ ᠭᠠᠵᠠᠷ ᠰᠢᠷᠣᠶ ᠶᠢ ᠠᠰᠢᠭᠯᠠᠯᠲᠠ ᠳᠤ ᠣᠷᠣᠭᠤᠯᠵᠤ᠂ ᠰᠢᠯᠵᠢᠭᠦᠯᠦᠨ ᠬᠤᠳᠠᠯᠳᠤᠭᠰᠠᠨ ᠣᠷᠣᠯᠭ᠎ᠠ 1.06 ᠳ᠋ᠦᠩᠰᠢᠭᠤᠷ ᠲᠥᠭᠦᠷᠢᠭ ᠲᠤ ᠬᠦᠷᠴᠡᠶ᠃ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ ᠰᠢᠷᠣᠢ ᠶᠢᠨ ᠰᠤᠳᠤᠯᠭ᠎ᠠ ᠶᠢ ᠡᠷᠴᠢᠮᠲᠡᠢ ᠥᠷᠨᠢᠭᠦᠯᠵᠦ᠂ ᠪᠠᠶᠢᠭᠠᠯᠢ ᠶᠢᠨ ᠡᠬᠢ ᠪᠠᠶᠠᠯᠢᠭ ᠤᠨ ᠦᠨᠳᠦᠰᠦᠨ ᠪᠠᠶᠢᠳᠠᠯ ᠢ ᠣᠨᠣᠪᠴᠢᠲᠠᠢ ᠰᠤᠳᠤᠯᠤᠨ ᠲᠣᠭᠲᠠᠭᠠᠵᠤ᠂ ᠪᠦᠬᠦ ᠬᠤᠰᠢᠭᠤᠨ ᠤ ᠠᠵᠤ ᠠᠬᠤᠢ ᠶᠢᠨ ᠦᠷᠭᠦᠯᠵᠢᠯᠡᠨ ᠬᠥᠭᠵᠢᠬᠦ ᠳᠤ ᠰᠠᠭᠤᠷᠢ ᠪᠠᠷᠢᠮᠲᠠ ᠶᠢ ᠬᠠᠩᠭᠠᠪᠠ᠃ᠠᠮᠢ ᠠᠬᠤᠶ ᠶᠢᠨ ᠬᠠᠮᠠᠭᠠᠯᠠᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠪᠠ᠃ ᠨᠡᠶᠢᠲᠡ ᠶᠢᠨ ᠠᠰᠠᠷᠠᠮᠵᠢ ᠶᠢᠨ ᠣᠶ ᠶᠢᠨ ᠨᠥᠬᠦᠪᠥᠷᠢ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠵᠡᠷᠭᠡ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠪᠠ᠃ 39.3 ᠲᠦᠮᠡᠨ ᠮᠦ ᠶᠢ ᠬᠥᠮᠦᠨ ᠤ ᠬᠦᠴᠦ ᠪᠠᠷ ᠣᠶᠢᠵᠢᠭᠤᠯᠵᠤ᠂ 22 ᠲᠦᠮᠡᠨ ᠮᠦ ᠶᠢ ᠨᠢᠰᠬᠡᠯ ᠢᠶᠠᠷ ᠣᠶᠢᠵᠢᠭᠤᠯᠵᠤ᠂ 2.5 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢ ᠣᠶᠢᠵᠢᠭᠤᠯᠵᠤ᠂ 50 ᠲᠦᠮᠡᠨ ᠰᠠᠭᠤᠷᠢ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠶᠢ ᠥᠷᠨᠢᠭᠦᠯᠪᠡ᠃ ᠬᠥᠮᠦᠨ ᠤ ᠬᠦᠴᠦ ᠪᠠᠷ 21 ᠲᠦᠮᠡᠨ ᠮᠦ ᠡᠪᠡᠰᠦ ᠲᠠᠷᠢᠪᠠ᠃ ᠠᠯᠠᠱᠠ ᠶᠢᠨ ᠤᠯᠤᠰ ᠤᠨ ᠲᠠᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠨᠢᠭᠡᠳᠬᠡᠨ ᠰᠢᠯᠢᠳᠡᠭᠵᠢᠭᠦᠯᠬᠦ ᠵᠢᠴᠢ ᠵᠠᠭᠠᠭ ᠱᠤᠭᠤᠮ ᠢ ᠲᠣᠳᠣᠷᠬᠠᠶᠢᠯᠠᠬᠤ ᠠᠵᠢᠯ ᠢ ᠥᠷᠨᠢᠭᠦᠯᠪᠡ᠃ 69 ᠠᠭᠤᠷᠬᠠᠶ ᠶᠢᠨ ᠠᠵᠤ ᠠᠬᠤᠶᠢᠯᠠᠯ ᠤᠨ ᠣᠷᠴᠢᠨ ᠠᠬᠤᠶ ᠶᠢ ᠵᠠᠰᠠᠨ ᠴᠡᠭᠴᠡᠯᠡᠬᠦ ᠪᠠ ᠠᠮᠢ ᠠᠬᠤᠶ ᠶᠢ ᠵᠠᠰᠠᠨ ᠰᠡᠷᠭᠦᠭᠡᠬᠦ ᠶᠢ ᠪᠡᠶᠡᠯᠡᠭᠦᠯᠵᠦ᠂ 5 ᠪᠣᠬᠢᠷᠲᠤᠯ ᠥᠬᠡᠶ ᠠᠭᠤᠷᠬᠠᠶ ᠶᠢᠨ ᠠᠵᠤ ᠠᠬᠤᠶᠢᠯᠠᠯ ᠭᠤᠷᠪᠠᠳᠠᠬᠢ ᠡᠲᠡᠭᠡᠳ ᠤᠨ ᠦᠨᠡᠯᠡᠭᠡ ᠳᠤ ᠬᠢᠷᠢ ᠲᠡᠩᠴᠡᠪᠡ᠃ ᠤᠰᠤ ᠬᠥᠷᠥᠰᠥ ᠶᠢ ᠬᠠᠮᠠᠭᠠᠯᠠᠬᠤ ᠨᠥᠬᠦᠪᠦᠷᠢ 1658.8 ᠲᠦᠮᠡᠨ ᠲᠥᠭᠦᠷᠢᠭ ᠲᠤ ᠬᠦᠷᠪᠡ᠃ᠠᠮᠢ ᠠᠬᠤᠢ ᠶᠢ ᠡᠪᠳᠡᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ ᠲᠠᠷᠢᠶᠠᠨ ᠤ ᠬᠦᠯᠡᠮᠵᠢ ᠶᠢ ᠥᠭᠡᠷ᠎ᠡ ᠪᠠᠷ ᠠᠰᠢᠭᠯᠠᠭᠰᠠᠨ᠂ ᠬᠠᠤᠯᠢ ᠪᠤᠰᠤ ᠬᠠᠦ᠋ᠰ᠂ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠨᠠᠷᠢᠪᠴᠢᠯᠠᠨ ᠪᠠᠶᠢᠴᠠᠭᠠᠵᠤ ᠵᠠᠰᠠᠨ ᠴᠡᠭᠴᠡᠯᠡᠬᠦ ᠠᠵᠢᠯ ᠢ ᠡᠷᠴᠢᠮᠲᠠᠢ ᠥᠷᠨᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠢ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠳᠬᠠᠵᠤ᠂ ᠣᠶᠢᠲᠤ ᠣᠷᠣᠨ ᠤ ᠨᠤᠲᠤᠭ ᠪᠡᠯᠴᠢᠭᠡᠷ ᠢ ᠲᠠᠲᠠᠪᠤᠷᠢᠯᠠᠨ ᠬᠡᠷᠡᠭᠯᠡᠬᠦ ᠶᠢ ᠵᠢᠷᠤᠮᠵᠢᠭᠤᠯᠵᠤ᠂ ᠨᠢᠭᠤᠴᠠ ᠪᠠᠷ ᠪᠡᠯᠴᠢᠭᠡᠷᠯᠡᠭᠦᠯᠬᠦ᠂ ᠬᠡᠲᠦᠷᠡᠲᠡᠯ᠎ᠡ ᠪᠡᠯᠴᠢᠭᠡᠷᠯᠡᠭᠦᠯᠬᠦ᠂ ᠬᠤᠯᠠᠭᠠᠶᠢᠯᠠᠨ ᠮᠠᠯᠲᠠᠬᠤ ᠲᠡᠭᠦᠬᠦ ᠪᠣᠯᠣᠨ ᠬᠠᠤᠯᠢ ᠲᠣᠭᠲᠠᠭᠠᠯ ᠢ ᠵᠥᠷᠢᠴᠡᠨ ᠤᠰᠤ ᠬᠡᠷᠡᠭᠯᠡᠬᠦ ᠵᠡᠷᠭᠡ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 333 ᠵᠠᠰᠠᠭ ᠵᠠᠬᠢᠷᠭᠠᠨ ᠤ ᠬᠡᠷᠡᠭ ᠢ ᠰᠢᠢᠳᠪᠦᠷᠢᠯᠡᠵᠦ᠂ ᠵᠠᠰᠠᠭ ᠵᠠᠬᠢᠷᠭᠠᠨ ᠤ ᠲᠣᠷᠭᠠᠭᠤᠯᠢ ᠪᠠᠷ 555 ᠲᠦᠮᠡᠨ ᠲᠥᠭᠦᠷᠢᠭ ᠢᠶᠠᠷ ᠲᠣᠷᠭᠠᠵᠠᠢ᠃︵ᠵᠢᠷᠭᠤᠭ᠎ᠠ︶ ᠠᠷᠠᠳ ᠤᠨ ᠠᠮᠢᠳᠤᠷᠠᠯ ᠤᠨ ᠠᠵᠠ ᠵᠢᠷᠭᠠᠯ ᠤᠨ ᠬᠠᠨᠤᠮᠵᠢ ᠶᠢᠨ ᠲᠠᠯ᠎ᠠ ᠪᠠᠷ ᠤᠯᠠᠮ ᠰᠠᠶᠢᠵᠢᠷᠠᠪᠠᠠᠷᠠᠳ ᠤᠨ ᠠᠮᠢᠳᠤᠷᠠᠯ ᠤᠨ ᠪᠠᠲᠤᠯᠠᠭ᠎ᠠ ᠨᠠᠩ ᠬᠦᠴᠦᠲᠡᠶ ᠪᠣᠯᠪᠠ᠃ ᠪᠦᠬᠦ ᠵᠢᠯ ᠤᠨ ᠠᠷᠠᠳ ᠤᠨ ᠠᠮᠢᠳᠤᠷᠠᠯ ᠤᠨ ᠵᠠᠷᠤᠯᠭ᠎ᠠ 23.05 ᠳ᠋ᠦᠩᠰᠢᠭᠤᠷ ᠲᠥᠭᠦᠷᠢᠭ ᠲᠤ ᠬᠦᠷᠴᠦ᠂ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 73.85% ᠶᠢ ᠡᠵᠡᠯᠡᠪᠡ᠃ ᠪᠠᠶᠢᠭᠠᠯᠢ ᠶᠢᠨ ᠰᠢᠲᠠᠮᠠᠬᠠᠶ ᠬᠡᠢ ᠶᠢ ᠡᠷᠦᠬᠡ ᠳᠤ ᠣᠷᠣᠭᠤᠯᠬᠤ᠂ ᠬᠠᠭᠤᠴᠢᠨ ᠭᠤᠳᠤᠮᠵᠢ ᠶᠢᠨ ᠵᠠᠮ ᠢ ᠵᠠᠰᠠᠨ ᠰᠢᠨᠡᠳᠬᠡᠬᠦ᠂ ᠡᠳ᠋ᠯᠡᠩ ᠤᠨ ᠦᠢᠯᠡᠴᠢᠯᠡᠭᠡ ᠶᠢ ᠳᠡᠭᠡᠭᠰᠢᠯᠡᠭᠦᠯᠬᠦ ᠵᠡᠷᠭᠡ ᠠᠷᠪᠠᠨ ᠠᠷᠠᠳ ᠤᠨ ᠠᠮᠢᠳᠤᠷᠠᠯ ᠲᠠᠢ ᠬᠤᠯᠪᠣᠭᠳᠠᠭᠰᠠᠨ ᠠᠵᠢᠯ ᠢ ᠪᠦᠲᠦᠮᠵᠢᠲᠡᠶ ᠪᠡᠶᠡᠯᠡᠭᠦᠯᠪᠡ᠃ ᠬᠤᠲᠠ ᠪᠠᠯᠭᠠᠰᠤᠨ ᠤ 1745 ᠬᠥᠮᠥᠨ ᠳᠤ ᠰᠢᠨ᠎ᠡ ᠠᠵᠢᠯ ᠤᠨ ᠪᠠᠶᠢᠷᠢ ᠶᠢ ᠣᠯᠭᠤᠵᠤ ᠂ 1810 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 2.9% ᠠᠴᠠ ᠳᠣᠷᠣᠭᠰᠢ ᠪᠠᠭᠤᠬᠤ ᠦᠭᠡᠢ ᠪᠠᠶᠢᠬᠤ ᠶᠢ ᠪᠠᠲᠤᠯᠠᠪᠠ᠃ ᠵᠡᠮᠳᠡᠭᠴᠦᠳ ᠤᠨ ︽ᠬᠤᠶᠠᠷ ᠨᠥᠬᠦᠪᠥᠷᠢ︾ ᠶᠢ ᠲᠠᠷᠬᠠᠭᠠᠪᠠ᠃ ᠨᠡᠶᠢᠭᠡᠮ ᠤᠨ ᠪᠠᠲᠤᠯᠠᠭ᠎ᠠ ᠶᠢ ᠪᠠᠲᠤᠯᠠᠪᠠᠰᠤ ᠵᠣᠬᠢᠬᠤ ᠪᠦᠬᠦᠨ ᠢ ᠪᠠᠲᠤᠯᠠᠵᠤ᠂ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠪᠣᠯᠤᠨ ᠬᠤᠲᠠ ᠪᠠᠯᠭᠠᠰᠤᠨ ᠤ ᠠᠵᠢᠯᠲᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠢ 15 ᠵᠢᠯ ᠳᠠᠷᠠᠭᠠᠯᠠᠨ ᠳᠡᠭᠡᠭᠰᠢᠯᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠬᠢᠷᠢ ᠲᠦᠪᠰᠢᠨ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠠᠯᠪᠠᠨ ᠠᠴᠠ 3 ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢ ᠰᠢᠨ᠎ᠡ ᠪᠠᠷ ᠨᠡᠮᠡᠭᠳᠡᠭᠦᠯᠪᠡ᠃ ᠬᠠᠤᠯᠢ ᠶᠣᠰᠣᠭᠠᠷ ᠬᠥᠳᠡᠯᠮᠦᠷᠢ ᠶᠢᠨ ᠬᠥᠯᠥᠰᠥ ᠣᠯᠭᠤᠮᠵᠢ᠂ ᠠᠵᠤ ᠠᠬᠤᠢ ᠶᠢᠨ ᠨᠥᠬᠦᠪᠥᠷᠢ ᠮᠥᠩᠭᠦ ᠶᠢ 2006.8 ᠲᠦᠮᠡᠨ ᠲᠥᠭᠦᠷᠢᠭ ᠨᠡᠬᠡᠮᠵᠢᠯᠡᠨ ᠠᠪᠴᠢᠷᠠᠵᠤ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠦᠲᠦᠮᠵᠢᠲᠡᠢ ᠬᠠᠮᠠᠭᠠᠯᠠᠪᠠ᠃ᠨᠡᠶᠢᠭᠡᠮ ᠤᠨ ᠠᠵᠢᠯ ᠦᠢᠯᠡᠰ ᠪᠦᠬᠦ ᠲᠠᠯ᠎ᠠ ᠪᠠᠷ ᠳᠠᠪᠰᠢᠪᠠ᠃ ᠴᠢᠳᠠᠪᠤᠷᠢᠲᠠᠨ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠵᠦ᠂ 138 ᠰᠤᠳᠤᠯᠬᠤ ᠰᠤᠷᠤᠭᠴᠢ ᠪᠠ ᠰᠤᠷᠭᠠᠨ ᠬᠥᠮᠦᠵᠢᠯ ᠤᠨ ᠴᠢᠳᠠᠪᠤᠷᠢᠲᠠᠨ ᠢ ᠤᠷᠢᠨ ᠠᠪᠴᠢᠷᠠᠪᠠ᠃ ᠲᠠᠪᠤᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠦᠯᠵᠡᠢ ᠳᠠᠬᠢ ᠵᠢᠭᠠᠨ ᠰᠤᠷᠭᠠᠯᠲᠠ ᠶᠢᠨ ᠴᠡᠭ᠂ ᠳᠣᠯᠣᠳᠤᠭᠠᠷ ᠬᠡᠦᠬᠡᠳ ᠤᠨ ᠴᠡᠴᠡᠷᠯᠢᠭ ᠵᠡᠷᠭᠡ 9 ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠪᠡ᠃ ᠰᠤᠷᠭᠠᠨ ᠬᠥᠮᠦᠵᠢᠯ ᠳᠤ ᠬᠡᠷᠡᠭᠯᠡᠬᠦ ᠭᠠᠵᠠᠷ ᠢ 14.8 ᠲᠦᠮᠡᠨ ᠺᠦᠸᠠᠳ᠋ ᠮᠧᠳ᠋ᠷ ᠰᠢᠨ᠎ᠡ ᠪᠠᠷ ᠨᠡᠮᠡᠭᠳᠡᠭᠦᠯᠪᠡ᠃ ᠰᠤᠷᠭᠠᠨ ᠬᠥᠮᠦᠵᠢᠯ ᠤᠨ ᠴᠢᠨᠠᠷ ᠢ ᠶᠡᠷᠦᠩᠬᠡᠶᠢᠯᠡᠨ ᠦᠨᠡᠯᠡᠬᠦ ᠵᠡᠷᠭᠡ ᠰᠢᠷᠢᠰ ᠥᠭᠡᠷᠡᠴᠢᠯᠡᠯᠲᠡ ᠶᠢᠨ ᠡᠭᠦᠷᠭᠡ ᠶᠢ ᠪᠡᠶᠡᠯᠡᠭᠦᠯᠪᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠦᠰᠡ ᠨᠤᠲᠤᠭ ᠤᠨ ᠡᠮᠨᠡᠯᠭᠡ ᠶᠢᠨ ᠴᠣᠭᠴᠠᠯᠠᠪᠤᠷᠢ᠂ ᠠᠯᠤᠰ ᠡᠵᠡᠮᠰᠢᠯᠲᠦ ᠡᠮᠴᠢᠯᠡᠭᠡᠨ ᠤ ᠪᠠᠶᠢᠭᠤᠯᠤᠯᠲᠠ ᠢᠯᠡᠷᠬᠡᠢ ᠰᠠᠶᠢᠨ ᠦᠷ᠎ᠡ ᠪᠦᠲᠦᠮᠵᠢ ᠣᠯᠪᠠ᠃ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠣᠳᠣᠬᠢᠴᠢᠯᠠᠭᠰᠠᠨ ᠬᠠᠮᠢᠶᠠᠷᠤᠯᠲᠠ ᠶᠢᠨ ᠲᠦᠷᠢᠮ ᠤᠨ ᠤᠯᠤᠰ ᠤᠨ ᠲᠤᠷᠰᠢᠯᠲᠠ ᠶᠢᠨ ᠴᠡᠭ ᠢ ᠬᠡᠷᠡᠭᠵᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠰᠢᠭᠤ ᠰᠢᠶᠠᠨ ᠤ ᠳᠠᠬᠢᠨ ᠬᠢᠨᠠᠯᠲᠠ ᠶᠢ ᠥᠩᠭᠡᠷᠡᠭᠡᠪᠡ᠃ ᠮᠤᠵᠢ ᠠᠯᠤᠰᠯᠠᠨ ᠣᠨᠳᠣᠤ ᠭᠠᠵᠠᠷ ᠡᠮᠨᠡᠭᠦᠯᠦᠭᠰᠡᠨ 1.1 ᠲᠦᠮᠡᠨ ᠬᠥᠮᠦᠨ ᠤᠳᠠᠭ᠎ᠠ ᠶᠢᠨ 4276 ᠲᠦᠮᠡᠨ ᠲᠥᠭᠦᠷᠢᠭ ᠤᠨ ᠵᠠᠷᠤᠳᠠᠯ ᠢ ᠨᠢ ᠪᠣᠳᠣᠵᠤ ᠥᠭᠭᠦᠭᠰᠡᠨ ᠪᠠᠶᠢᠨ᠎ᠠ᠃ ︽ᠲᠠᠯ᠎ᠠ ᠨᠤᠲᠤᠭ ᠤᠨ ᠠᠶᠠᠯᠠᠯ︾ ᠨᠡᠷᠡᠮᠵᠢᠲᠦ ᠪᠦᠬᠦ ᠣᠷᠣᠨ ᠤ ᠳᠤᠭᠤᠶ ᠲᠡᠷᠭᠡᠨ ᠤ ᠬᠤᠯᠪᠣᠭᠠᠲᠤ ᠤᠷᠤᠯᠳᠤᠭᠠᠨ ᠵᠡᠷᠭᠡ ᠠᠵᠢᠯᠯᠠᠭ᠎ᠠ ᠶᠢ ᠳᠠᠭᠠᠭᠠᠨ ᠡᠷᠬᠢᠯᠡᠵᠦ᠂ ᠤᠯᠠᠨ ᠲᠦᠮᠡᠨᠴᠢ ᠴᠢᠨᠠᠷᠲᠠᠶ ᠰᠣᠶᠣᠯ ᠤᠨ ᠠᠵᠢᠯᠯᠠᠭ᠎ᠠ ᠶᠢ 896 ᠤᠳᠠᠭ᠎ᠠ ᠡᠷᠬᠢᠯᠡᠵᠦ᠂ ᠤᠯᠠᠨ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠪᠠ᠃︵ᠳᠣᠯᠤᠭ᠎ᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠭᠦᠨᠵᠡᠭᠡᠶ ᠥᠷᠨᠢᠭᠦᠯᠪᠡ᠃ ᠲᠥᠪ ᠤᠨ ᠠᠷᠪᠠᠨ ᠲᠠᠪᠤᠳᠤᠭᠠᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠤᠨ ᠪᠠᠭᠤᠯᠭᠠᠭᠰᠠᠨ ᠭᠤᠷᠪᠠᠨ ᠲᠥᠷᠥᠯ ᠳᠤ ᠬᠠᠮᠤᠷᠤᠭᠳᠠᠬᠤ 33 ᠬᠡᠷᠡᠭ ᠤᠨ ᠰᠦᠪᠡᠭᠴᠢ ᠶᠢ ᠪᠦᠬᠦᠨ ᠢ ᠰᠢᠢᠳᠪᠦᠷᠢᠯᠡᠵᠦ ᠳᠠᠭᠤᠰᠬᠠᠪᠠ᠂ 8 ᠬᠠᠷ᠎ᠠ ᠪᠦᠯᠦᠭᠲᠡᠨ᠂ ᠬᠠᠷᠭᠢᠰ ᠬᠦᠴᠦᠨ ᠳᠤ ᠴᠣᠬᠢᠯᠲᠠ ᠥᠭᠴᠦ᠂ 61 ᠶᠠᠯᠠᠲᠤ ᠬᠡᠷᠡᠭ ᠤᠨ ᠰᠡᠵᠢᠭᠲᠡᠨ ᠢ ᠪᠠᠷᠢᠪᠴᠢᠯᠠᠵᠤ᠂ 1.4 ᠳ᠋ᠦᠩᠰᠢᠭᠤᠷ ᠲᠥᠭᠦᠷᠢᠭ ᠤᠨ ᠬᠡᠷᠡᠭ ᠲᠠᠢ ᠬᠤᠯᠪᠣᠭᠳᠠᠭᠰᠠᠨ ᠡᠳ᠋ ᠬᠥᠷᠥᠩᠭᠡ ᠶᠢ ᠬᠤᠷᠢᠶᠠᠨ ᠠᠪᠴᠤ᠂ ᠴᠡᠪᠳᠡᠭᠰᠢᠭᠦᠯᠪᠡ᠃ ᠲᠡᠦᠬᠡᠨ ᠠᠰᠠᠭᠤᠳᠠᠯ ᠢ ᠰᠠᠶᠢᠵᠢᠷᠠᠭᠤᠯᠤᠨ ᠴᠡᠭᠴᠡᠯᠡᠬᠦ ᠲᠥᠰᠦᠯ ᠢ ᠲᠣᠭᠲᠠᠭᠠᠵᠤ᠂ ᠨᠡᠶᠢᠲᠡ 1.17 ᠲᠦᠮᠡᠨ ᠢᠵᠢ ᠥᠯᠥ ᠬᠥᠳᠡᠯᠬᠦ ᠬᠥᠷᠥᠩᠭᠡ ᠶᠢ ᠪᠦᠷᠢᠳᠬᠡᠨ ᠳᠠᠩᠰᠠᠯᠠᠵᠤ᠂ ︽ᠨᠢᠭᠡ ᠪᠠᠶᠢᠰᠢᠩ ᠢ ᠣᠯᠠᠨ ᠬᠤᠳᠠᠯᠳᠤᠵᠤ︾ ᠪᠠᠷᠢᠴᠠᠭᠠᠯᠠᠭᠰᠠᠨ 654 ᠬᠡᠷᠡᠭ ᠢ ᠰᠢᠢᠳᠪᠦᠷᠢᠯᠡᠪᠡ᠃ ᠲᠦᠷᠢᠶᠡᠰᠦᠨ ᠮᠠᠰᠢᠨ ᠤ ᠲᠣᠭᠠᠴᠠᠭ᠎ᠠ ᠶᠢ ᠠᠶᠠᠯᠠᠯ ᠤᠨ ᠵᠠᠢ ᠪᠠᠷ ᠰᠦᠢᠳᠬᠡᠯ ᠬᠤᠷᠢᠶᠠᠬᠤ ᠵᠠᠭᠪᠤᠷ ᠢ ᠬᠡᠷᠡᠭᠵᠢᠭᠦᠯᠪᠡ᠃ 1702 ᠵᠠᠮᠪᠠᠷᠠᠭ᠎ᠠ ᠦᠭᠡᠢ ᠠᠰᠠᠭᠤᠳᠠᠯ ᠤᠳ ᠢ ᠰᠠᠶᠢᠵᠢᠷᠠᠭᠤᠯᠤᠨ ᠴᠡᠭᠴᠡᠯᠡᠵᠦ᠂ ᠭᠤᠣᠯ ᠠᠵᠢᠯ ᠲᠥᠷᠥᠯ ᠤᠨ ᠵᠠᠮᠪᠠᠷᠠᠭ᠎ᠠ ᠦᠭᠡᠢ ᠪᠠᠶᠢᠳᠠᠯ ᠢ ᠢᠯᠡᠷᠬᠡᠢ ᠪᠠᠭᠠᠰᠬᠠᠪᠠ᠃ᠨᠡᠶᠢᠭᠡᠮ ᠤᠨ ᠵᠠᠰᠠᠯᠲᠠ ᠳᠤ ᠠᠩᠬᠠᠷᠤᠯ ᠢᠶᠠᠨ ᠬᠠᠨᠳᠤᠭᠤᠯᠪᠠ᠃ ᠨᠠᠮ ᠪᠠ ᠣᠯᠠᠨ ᠲᠦᠮᠡᠨ ᠤ ᠪᠦᠯᠬᠦᠮ ᠤᠨ ᠪᠦᠷᠢᠨ ᠰᠢᠨᠡᠴᠢᠯᠡᠯ ᠳᠤ ᠪᠦᠬᠦ ᠲᠠᠯ᠎ᠠ ᠪᠠᠷ ᠦᠢᠯᠡᠴᠢᠯᠡᠵᠦ᠂ ︽1+8+N︾ ᠠᠵᠢᠯᠯᠠᠭᠠᠨ ᠤ ᠵᠠᠭᠪᠤᠷ ᠢ ᠬᠡᠷᠡᠭᠵᠢᠭᠦᠯᠵᠦ᠂ ᠡᠬᠢ ᠪᠠᠶᠠᠯᠢᠭ ᠢ ᠡᠮᠬᠢᠯᠡᠨ ᠨᠢᠭᠡᠳᠬᠡᠵᠦ᠂ ᠨᠠᠷᠢᠪᠴᠢᠯᠠᠭᠰᠠᠨ ᠵᠢᠭᠰᠠᠭᠠᠯᠲᠠ ᠶᠢ ᠭᠠᠷᠭᠠᠨ᠂ ᠦᠢᠯᠡᠴᠢᠯᠡᠭᠡ ᠶᠢ ᠦᠨᠳᠦᠰᠦᠨ ᠱᠠᠲᠤᠨ ᠳᠤ ᠬᠦᠷᠭᠡᠪᠡ᠃ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠨ ᠬᠢᠵᠠᠭᠠᠷᠯᠠᠬᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠴᠣᠭᠲᠤᠬᠦ᠋ᠷᠢᠶ᠎ᠡ ᠳᠠᠬᠢ ᠲᠣᠮᠢᠯᠠᠭᠰᠠᠨ ᠰᠠᠯᠪᠤᠷᠢ ᠪᠠᠷ ᠲᠤᠷᠰᠢᠯᠲᠠ ᠪᠣᠯᠭᠠᠭᠰᠠᠨ ︽ᠹᠧᠩ ᠴᠢᠶᠣᠤ ᠮᠠᠶ᠋ᠢᠭ︾ ᠤᠨ ᠲᠣᠮᠢᠯᠠᠭᠰᠠᠨ ᠰᠠᠯᠪᠤᠷᠢ ᠶᠢ ᠪᠠᠶᠢᠭᠤᠯᠪᠠ᠃ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠲᠠᠰᠤᠯᠤᠨ ᠵᠣᠭᠰᠣᠭᠠᠵᠤ᠂ ᠡᠷᠡᠭᠦᠤ ᠶᠢᠨ ᠬᠡᠷᠡᠭ᠂ ᠨᠡᠶᠢᠭᠡᠮ ᠤᠨ ᠠᠮᠤᠷ ᠲᠥᠪᠰᠢᠨ ᠲᠠᠢ ᠬᠤᠯᠪᠣᠭᠳᠠᠬᠤ ᠬᠡᠷᠡᠭ ᠵᠡᠷᠭᠡᠪᠡᠷ ᠪᠠᠭᠠᠰᠤᠭᠰᠠᠨ ᠪᠠᠶᠢᠨ᠎ᠠ᠃ ︽ᠨᠢᠭᠡ ᠥᠷᠲᠡᠭᠡ︾ ᠮᠠᠶ᠋ᠢᠭ ᠤᠨ ᠵᠥᠷᠢᠴᠡᠯ ᠵᠠᠭᠤᠷᠠᠯᠳᠤᠭᠠᠨ ᠤ ᠬᠠᠮᠢᠶᠠᠷᠤᠯᠲᠠ ᠪᠠ ︽ᠨᠢᠭᠡ ᠴᠣᠩᠬᠤᠪᠴᠢ︾ ᠪᠠᠷ ᠭᠦᠢᠴᠡᠳᠭᠡᠬᠦ ᠶᠢ ᠬᠡᠷᠡᠭᠵᠢᠭᠦᠯᠵᠦ᠂ 1060 ᠬᠡᠷᠡᠭ ᠢ ᠡᠶᠡᠳᠡᠭᠦᠯᠵᠦ᠂ 621 ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠪᠡ᠃ ᠣᠯᠠᠨ ᠢᠶᠠᠷ ᠢᠶᠠᠨ ᠰᠡᠷᠭᠡᠶᠢᠯᠡᠨ ᠵᠠᠰᠠᠵᠤ᠂ ᠬᠠᠮᠲᠤᠪᠠᠷ ᠢᠶᠠᠨ ᠬᠢᠵᠠᠭᠠᠷᠯᠠᠬᠤ ᠠᠵᠢᠯ ᠤᠨ ᠲᠣᠭᠲᠠᠴᠠ ᠶᠢ ᠪᠦᠷᠢᠨ ᠲᠡᠭᠦᠯᠳᠡᠷᠵᠢᠭᠦᠯᠵᠦ᠂ ᠬᠢᠯᠢ ᠶᠢᠨ ᠬᠠᠷᠠᠭᠤᠯ ᠤᠨ ᠴᠡᠭ ᠢ ᠭᠠᠷᠭᠠᠵᠤ᠂ ᠬᠢᠯᠢ ᠶᠢᠨ ᠭᠠᠴᠠᠭᠠᠨ ᠤ ᠴᠢᠳᠠᠪᠬᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠪᠡ᠃ ᠲᠠᠯ᠎ᠠ ᠨᠤᠲᠤᠭ ᠤᠨ ︽ᠳᠤᠭᠤᠶᠢᠯᠠᠩ︾ ︽ᠨᠤᠲᠤᠭ ᠳᠡᠪᠢᠰᠬᠡᠷ ᠢᠶᠠᠨ ᠰᠠᠬᠢᠨ ᠬᠢᠯᠢ ᠬᠢᠵᠠᠭᠠᠷ ᠢᠶᠠᠨ ᠬᠠᠮᠠᠭᠠᠯᠠᠬᠤ ᠪᠠᠬᠢᠯᠡᠯᠲᠡ ᠶᠢᠨ ᠡᠷᠦᠬᠡ︾ ᠶᠢᠨ ᠦᠢᠯᠡᠳᠦᠯ ᠢ ᠭᠦᠢᠴᠡᠳ ᠪᠠᠳᠠᠷᠠᠭᠤᠯᠪᠠ᠃ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠬᠦᠷᠢᠶ᠎ᠡ᠂ ᠢᠯᠠᠩᠭᠤᠶ᠎ᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠵᠡᠷᠭᠡ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ᠠᠮᠤᠷ ᠲᠥᠪᠰᠢᠨ ᠤ ᠰᠠᠭᠤᠷᠢ ᠶᠢ ᠡᠷᠴᠢᠮᠲᠠᠢ ᠪᠠᠬᠢᠵᠢᠭᠦᠯᠪᠡ᠃ ᠨᠠᠮ ᠤᠨ ᠦᠨᠳᠦᠰᠦᠲᠡᠨ᠂ ᠱᠠᠰᠢᠨ ᠰᠤᠷᠲᠠᠬᠤᠨ ᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠯᠢ ᠶᠢᠨ ᠠᠷᠠᠳ ᠤᠨ ᠨᠥᠬᠦᠪᠥᠷᠢ ᠶᠢᠨ ᠪᠠᠷᠢᠮᠵᠢᠶ᠎ᠠ ᠶᠢ 50% ᠪᠠᠷ ᠳᠡᠭᠡᠭᠰᠢᠯᠡᠭᠦᠯᠪᠡ᠃ 4 ᠬᠠᠤᠯᠢ ᠪᠤᠰᠤ ᠱᠠᠰᠢᠨ ᠰᠤᠷᠲᠠᠬᠤᠨ ᠤ ᠲᠠᠯᠠᠪᠤᠷ ᠤᠨ ᠠᠵᠢᠯᠯᠠᠭ᠎ᠠ ᠶᠢ ᠵᠣᠭᠰᠣᠭᠠᠪᠠ᠃ ᠬᠠᠤᠯᠢ ᠪᠠᠷ ᠵᠠᠰᠠᠭᠯᠠᠬᠤ ᠶᠢ ᠡᠷᠴᠢᠮᠲᠡᠢ ᠠᠬᠢᠭᠤᠯᠵᠤ᠂ ᠬᠠᠤᠯᠢ ᠶᠢ ᠦᠨᠡᠨ ᠬᠦ ᠳᠦᠷᠢᠮᠵᠢᠭᠦᠯᠦᠨ ᠲᠥᠪ ᠭᠤᠣᠯᠴᠢ ᠪᠠᠷ ᠬᠡᠷᠡᠭᠵᠢᠭᠦᠯᠵᠦ᠂ 7 ᠳ᠋ᠤᠭᠠᠷ 5 ᠵᠢᠯ ᠤᠨ ᠬᠠᠤᠯᠢ ᠲᠦᠭᠡᠮᠡᠯᠵᠢᠭᠦᠯᠬᠦ ᠲᠥᠯᠥᠪᠵᠢᠭᠦᠯᠭᠡ ᠶᠢ ᠪᠦᠷᠢᠨ ᠨᠠᠶᠢᠳᠠᠪᠤᠷᠢᠵᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠢᠳᠡᠪᠬᠢᠲᠡᠢ ᠦᠷ᠎ᠡ ᠪᠦᠲᠦᠮᠵᠢ ᠣᠯᠪᠠ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠠᠭᠤᠷᠬᠠᠢ᠂ ᠠᠶᠦᠯᠲᠠᠢ ᠬᠢᠮᠢ ᠶᠢᠨ ᠠᠵᠤ ᠦᠢᠯᠡᠳᠪᠦᠷᠢ᠂ ᠰᠤᠷᠭᠠᠭᠤᠯᠢ ᠶᠢᠨ ᠬᠦᠷᠢᠶ᠎ᠡ᠂ ᠵᠠᠮ ᠲᠡᠭᠡᠭᠡᠪᠦᠷᠢ᠂ ᠣᠢ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠠᠶᠤᠯ ᠠᠴᠠ ᠰᠡᠷᠭᠡᠶᠢᠯᠡᠬᠦ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠪᠠᠶᠢᠩᠭᠤ ᠶᠢᠨ ᠬᠢᠨᠠᠯᠲᠠ ᠬᠠᠮᠢᠶᠠᠷᠤᠯᠲᠠ ᠶᠢ ᠪᠡᠶᠡᠯᠡᠭᠦᠯᠪᠡ᠃ ᠶᠠᠰᠤ ᠴᠢᠨᠠᠷ ᠢ ᠳᠡᠭᠡᠭᠰᠢᠯᠡᠭᠦᠯᠬᠦ ᠪᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ ᠦᠷᠭᠦᠯᠵᠢᠯᠡᠨ ᠥᠷᠨᠢᠭᠦᠯᠪᠡ᠃ ᠠᠶᠦᠯᠭᠦᠢ ᠢᠳᠡᠭᠡᠨ ᠤ ᠬᠢᠨᠠᠯᠲᠠ ᠬᠠᠮᠢᠶᠠᠷᠤᠯᠲᠠ ᠪᠠ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠬᠢᠷᠢ ᠲᠥᠪᠰᠢᠨ ᠢ ᠳᠡᠭᠡᠭᠰᠢᠯᠡᠭᠦᠯᠪᠡ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠢ ᠪᠠᠭᠠᠰᠬᠠᠬᠤ᠂ ︽ᠠᠹᠷᠢᠺᠠ ᠲᠢᠪ ᠤᠨ ᠭᠠᠭ᠋ᠠᠶ ᠶᠢᠨ ᠬᠢᠵᠢᠭ︾᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠠ ᠪᠠᠲᠤᠯᠠᠬᠤ ᠴᠢᠳᠠᠪᠤᠷᠢ ᠤᠯᠠᠮ ᠳᠡᠭᠡᠭᠰᠢᠯᠡᠪᠡ᠃ᠥᠩᠭᠡᠷᠡᠭᠰᠡᠨ ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠥᠪᠡᠷ ᠤᠨ ᠪᠠᠶᠢᠭᠤᠯᠤᠯᠲᠠ ᠪᠠᠨ ᠦᠷᠭᠦᠯᠵᠢᠯᠡᠨ ᠴᠢᠩᠭᠠᠳᠬᠠᠵᠤ᠂ ︽ᠣᠭ ᠰᠠᠨᠠᠭ᠎ᠠ ᠪᠠᠨ ᠮᠠᠷᠲᠠᠯ ᠦᠭᠡᠢ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠣᠯᠠᠨ ᠲᠦᠮᠡᠨ ᠤ ᠠᠰᠢᠭ ᠲᠤᠰᠠ ᠲᠠᠢ ᠬᠤᠯᠪᠣᠭᠳᠠᠬᠤ ᠠᠰᠠᠭᠤᠳᠠᠯ ᠤᠳ ᠢ ᠰᠢᠢᠳᠪᠦᠷᠢᠯᠡᠪᠡ᠃ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠬᠡᠷᠡᠭᠵᠢᠭᠦᠯᠵᠦ᠂ ᠡᠳ᠋ ᠤᠨ ᠵᠠᠰᠠᠭ ᠤᠨ ᠡᠩ ᠤᠨ ᠵᠠᠷᠤᠯᠭ᠎ᠠ᠂ ︽ᠠᠯᠪᠠᠨ ᠤ ᠭᠤᠷᠪᠠᠨ ᠵᠠᠷᠤᠳᠠᠯ︾ ᠢ 2018 ᠣᠨ ᠲᠠᠢ ᠬᠠᠷᠢᠴᠠᠭᠤᠯᠬᠤ ᠳᠤ ᠲᠣᠰ ᠲᠣᠰ 20.02% ᠪᠠ 30.32% ᠢᠶᠠᠷ ᠪᠠᠭᠠᠰᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠬᠤ᠂ ᠦᠵᠡᠯ ᠰᠤᠷᠲᠠᠯ ᠤᠨ ᠠᠵᠢᠯ ᠢ ᠦᠷᠭᠦᠯᠵᠢᠯᠡᠨ ᠴᠢᠩᠭᠠᠳᠬᠠᠵᠤ᠂ ᠡᠩᠨᠡᠭᠡᠨ ᠤ ᠬᠥᠮᠦᠵᠢᠯ ᠬᠠᠮᠢᠶᠠᠷᠤᠯᠲᠠ ᠪᠠ ᠡᠳᠦᠷ ᠲᠤᠲᠤᠮ ᠤᠨ ᠬᠢᠨᠠᠯᠲᠠ ᠰᠢᠯᠭᠠᠯᠲᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠢᠯᠵᠢᠷᠡᠯ ᠢ ᠡᠰᠡᠷᠭᠦᠴᠡᠬᠦ ᠪᠠᠲᠤᠯᠠᠭ᠎ᠠ ᠶᠢᠨ ᠠᠵᠢᠯ ᠢ ᠰᠠᠶᠢᠲᠤᠷ ᠭᠦᠢᠴᠡᠳᠬᠡᠭᠰᠡᠨ ᠪᠠᠶᠢᠨ᠎ᠠ᠃ ᠡᠭᠦᠨ ᠤ ᠬᠠᠮᠲᠤ᠂ ᠭᠠᠳᠠᠭᠠᠳᠤ ᠬᠡᠷᠡᠭ ᠪᠠ ᠬᠠᠷᠢᠶᠠᠲᠤ ᠶᠢᠨ ᠶᠠᠪᠤᠳᠠᠯ᠂ ᠡᠮᠡᠭᠲᠡᠶᠢᠴᠦᠳ ᠪᠠ ᠬᠡᠤᠬᠡᠳ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ᠂ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ ᠂ ᠬᠢᠨᠠᠨ ᠪᠣᠳᠣᠯᠲᠠ᠂ ᠪᠦᠷᠢᠳᠬᠡᠯ ᠤᠨ ᠠᠵᠢᠯ᠂ ᠴᠠᠭ ᠠᠭᠤᠷ᠂ ᠬᠢᠯᠢ ᠶᠢᠨ ᠬᠠᠮᠠᠭᠠᠯᠠᠯᠲᠠ᠂ ᠳᠠᠩᠰᠠ ᠡᠪᠬᠡᠮᠡᠯ ᠲᠡᠤᠬᠡ ᠣᠶᠢᠯᠠᠯᠭ᠎ᠠ ᠵᠡᠷᠭᠡ ᠠᠵᠢᠯ ᠢ ᠤᠯᠠᠮ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ᠂ ᠤᠯᠤᠰ ᠤᠨ ᠪᠠᠲᠤᠯᠠᠨ ᠬᠠᠮᠠᠭᠠᠯᠠᠯᠲᠠ ᠶᠢ ᠳᠠᠶᠢᠴᠢᠯᠠᠬᠤ ᠵᠡᠷᠭᠡ ᠠᠵᠢᠯ ᠰᠢᠨ᠎ᠡ ᠠᠬᠢᠯᠲᠠ ᠲᠠᠢ ᠪᠣᠯᠪᠠ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号