| | ᠬᠤᠶᠠᠷ᠂ ᠡᠨᠡ ᠵᠢᠯ ᠤᠨ ᠬᠥᠭᠵᠢᠯᠲᠡ ᠶᠢᠨ ᠭᠤᠣᠯ ᠬᠠᠷᠠᠯᠲᠠ ᠪᠠ ᠳᠠᠷᠠᠭᠠᠴᠢ ᠶᠢᠨ ᠱᠠᠲᠤᠨ ᠤ ᠠᠵᠢᠯ ᠤᠨ | ᠪᠠᠶᠢᠷᠢᠯᠠᠭᠤᠯᠤᠯᠲᠠ | ᠡᠨᠡ ᠵᠢᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠴᠦᠰ ᠤᠨ ᠵᠢᠯ ᠮᠥᠨ᠂ ᠪᠠᠰᠠ ᠴᠤ ᠠᠷᠪᠠᠨ | ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ᠂ ᠠᠷᠪᠠᠨ ᠳᠥᠷᠪᠡᠳᠦᠭᠡᠷ | ᠲᠠᠪᠤᠨ ᠵᠢᠯ ᠤᠨ ᠲᠥᠯᠥᠪᠵᠢᠭᠦᠯᠭᠡ ᠶᠢ ᠪᠣᠯᠪᠠᠰᠤᠷᠠᠭᠤᠯᠬᠤ ᠴᠢᠬᠤᠯᠠ ᠵᠢᠯ ᠪᠣᠯᠣᠨ᠎ᠠ᠃ ᠪᠢᠳᠠ ᠰᠢ ᠶᠢᠨ ᠫᠢᠩ ᠤᠨ | ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠤᠨ ᠵᠣᠷᠢᠭ | ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠎ᠠ᠃ ᠨᠠᠮ ᠤᠨ ᠦᠨᠳᠦᠰᠦᠨ ᠣᠨᠣᠯ᠂ ᠦᠨᠳᠦᠰᠦᠨ ᠱᠤᠭᠤᠮ᠂ | ᠦᠨᠳᠦᠰᠦᠨ ᠠᠷᠭ᠎ᠠ ᠪᠣᠳᠣᠯᠭ᠎ᠠ ᠶᠢ ᠡᠷᠴᠢᠮᠲᠠᠢ ᠬᠡᠷᠡᠭᠵᠢᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ | ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠶᠡᠷᠦᠩᠬᠡᠶ ᠱᠦᠵᠢ | ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ | ᠨᠠᠮ ᠤᠨ ᠬᠤᠷᠢᠶᠠᠨ ᠤ ᠵᠠᠬᠢᠷᠭ᠎ᠠ ᠪᠠ ᠬᠤᠰᠢᠭᠤᠨ ᠤ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠬᠦ ᠬᠠᠷᠠᠯᠲᠠ ᠡᠭᠦᠷᠭᠡ ᠶᠢᠨ ᠲᠣᠭᠤᠷᠢᠨ ᠳᠤ ᠬᠢᠵᠢᠭ ᠤᠨ ᠬᠠᠯᠳᠠᠪᠤᠷᠢ ᠶᠢ ᠰᠡᠷᠭᠡᠶᠢᠯᠡᠨ | ᠬᠢᠵᠠᠭᠠᠷᠯᠠᠬᠤ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠵᠤ᠂ | ᠬᠢᠵᠢᠭ ᠤᠨ ᠬᠠᠯᠳᠠᠪᠤᠷᠢ ᠶᠢ ᠬᠡᠪ ᠤᠨ ᠪᠠᠶᠢᠳᠠᠯ ᠢᠶᠠᠷ ᠰᠡᠷᠭᠡᠶᠢᠯᠡᠨ ᠬᠢᠵᠠᠭᠠᠷᠯᠠᠬᠤ ᠶᠢ ᠪᠠᠲᠤᠯᠠᠭᠰᠠᠨ ᠤᠷᠢᠲᠠᠯ ᠳᠣᠣᠷ᠎ᠠ᠂ | ᠲᠣᠭᠲᠠᠪᠤᠷᠢᠲᠠᠢ ᠪᠥᠭᠡᠳ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠪᠠᠷᠢᠮᠲᠠᠯᠠᠵᠤ᠂ ᠰᠢᠨ᠎ᠡ | ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠪᠠᠷ ᠭᠤᠣᠯᠯᠠᠬᠤ ᠶᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠶᠢ ᠠᠬᠢᠭᠤᠯᠬᠤ ᠶᠢ ᠪᠠᠷᠢᠮᠲᠠᠯᠠᠵᠤ᠂ | ᠭᠤᠷᠪᠠᠨ ᠶᠡᠭᠡ ᠪᠣᠭᠤᠮᠲᠠ ᠶᠢ ᠢᠯᠠᠨ ᠳᠠᠪᠠᠭ᠋ᠤ ᠠᠵᠢᠯ ᠢ ᠰᠠᠶᠢᠲᠤᠷ ᠭᠦᠢᠴᠡᠳᠬᠡᠵᠦ᠂ ︽ᠵᠢᠷᠭᠤᠭ᠎ᠠ ᠶᠢ ᠲᠣᠭᠲᠠᠭᠤᠨ | ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭᠠᠨ ᠪᠠᠲᠤᠯᠠᠭ᠎ᠠ︾ ᠶᠢᠨ ᠡᠭᠦᠷᠭᠡ ᠶᠢ | ᠪᠦᠷᠢᠨ ᠨᠠᠢᠳᠠᠪᠤᠷᠢᠵᠢᠭᠤᠯᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠠᠷᠠᠯᠲᠠ | ᠡᠭᠦᠷᠭᠡ ᠶᠢ ᠴᠢᠷᠮᠠᠶᠢᠨ ᠪᠡᠶᠡᠯᠡᠭᠦᠯᠵᠦ᠂ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ | ᠠᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠶᠢ ᠪᠠᠲᠤᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠤᠨ ᠪᠦᠲᠦᠭᠡᠨ᠎ᠡ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ | ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠪᠠᠷ ᠨᠡᠮᠡᠭᠳᠡᠭᠦᠯᠦᠨ᠎ᠡ᠃ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 8%᠂ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ | ᠪᠡᠯᠡ ᠣᠷᠤᠭᠤᠯᠤᠯᠲᠠ ᠶᠢ 7% ᠪᠠᠷ ᠨᠡᠮᠡᠭᠳᠡᠭᠦᠯᠵᠦ᠂ ᠬᠡᠷᠡᠭᠯᠡᠭᠡᠨ ᠤ ᠪᠠᠷᠠᠭ᠎ᠠ ᠪᠦᠲᠦᠭᠡᠭᠳᠡᠬᠦᠨ ᠤ ᠨᠡᠢᠲᠡ | ᠪᠣᠷᠣᠯᠠᠭᠤᠯᠭ᠎ᠠ ᠶᠢ 5% ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠪᠠᠶᠢᠩᠭᠤ ᠰᠠᠭᠤᠭᠠᠯᠢ ᠠᠷᠠᠳ ᠤᠨ ᠬᠥᠮᠦᠨ | ᠪᠦᠷᠢ ᠶᠢᠨ ᠲᠡᠭᠰᠢᠳᠬᠡᠭᠰᠡᠨ ᠣᠷᠣᠯᠭ᠎ᠠ ᠶᠢ ᠲᠣᠰ ᠲᠣᠰ 6% ᠪᠠ 7.5% ᠪᠠᠷ ᠨᠡᠮᠡᠭᠳᠡᠭᠦᠯᠵᠦ᠂ | ᠬᠢᠵᠠᠭᠠᠷᠯᠠᠯᠲᠠ ᠶᠢᠨ ᠭᠦᠢᠴᠡᠳᠬᠡᠯ ᠲᠤᠭ᠎ᠠ ᠶᠢ ᠳᠡᠭᠡᠳᠦ ᠱᠠᠲᠤᠨ ᠤ ᠪᠠᠭᠤᠯᠭᠠᠭᠰᠠᠨ ᠪᠠᠷᠢᠮᠵᠢᠶ᠎ᠠ ᠶᠢᠨ ᠳᠣᠲᠣᠷ᠎ᠠ | ᠬᠢᠵᠠᠭᠠᠷᠯᠠᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠪᠣᠯ | ᠣᠳᠣᠬᠠᠨ ᠤ ᠨᠢᠭᠡᠨ ᠭᠤᠣᠯᠳᠠᠯᠭ᠎ᠠ ᠲᠠᠢ ᠠᠵᠢᠯ ᠪᠠᠶᠢᠵᠤ᠂ ᠬᠤᠶᠢᠰᠢᠳᠠ ᠶᠢᠨ ᠲᠠᠪᠤᠨ ᠵᠢᠯ ᠳᠠᠬᠢ ᠪᠦᠬᠦ | ᠬᠤᠰᠢᠭᠤᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ | ᠬᠤᠯᠪᠣᠭᠳᠠᠨ᠎ᠠ᠃ ᠪᠢᠳᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ | ᠬᠥᠭᠵᠢᠭᠦᠯᠬᠦ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠬᠠᠲᠤᠨ ᠭᠤᠤᠯ ᠤᠨ ᠰᠠᠪᠠ | ᠭᠠᠵᠠᠷ ᠤᠨ ᠴᠢᠨᠠᠷᠯᠢᠭ ᠬᠥᠭᠵᠢᠯᠲᠡ᠂ ᠭᠠᠳᠠᠭᠠᠳᠤ ᠨᠡᠭᠡᠭᠡᠯᠲᠡ᠂ ᠨᠡᠶᠢᠭᠡᠮ ᠤᠨ ᠵᠠᠰᠠᠯᠲᠠ ᠵᠡᠷᠭᠡ ᠭᠤᠤᠯᠳᠠᠯᠭ᠎ᠠ ᠲᠠᠢ | ᠬᠦᠷᠢᠶ᠎ᠡ ᠪᠠᠷ ᠭᠤᠤᠯᠯᠠᠭᠤᠯᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠨᠠᠶᠢᠷᠠᠭᠤᠯᠤᠨ ᠪᠣᠯᠪᠠᠰᠤᠷᠠᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠪᠠᠢᠷᠢ᠂ | ᠪᠣᠬᠢᠷᠲᠤᠯ ᠢ ᠵᠠᠰᠠᠨ ᠰᠡᠷᠭᠡᠶᠢᠯᠡᠬᠦ᠂ ᠤᠰᠤ ᠬᠥᠷᠥᠰᠥ ᠶᠢ ᠬᠠᠮᠠᠭᠠᠯᠠᠬᠤ ᠵᠡᠷᠭᠡ ᠲᠤᠰᠬᠠᠶ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠬᠤ ᠠᠵᠢᠯ ᠢ ᠵᠡᠷᠭᠡᠪᠡᠷ ᠡᠬᠢᠯᠡᠭᠦᠯᠵᠦ᠂ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠣᠮᠣᠬᠠᠨ ᠲᠥᠰᠦᠪ ᠪᠠ ᠡᠯ᠎ᠡ ᠦᠨᠳᠦᠰᠦᠲᠡᠨ | ᠠᠷᠠᠳ ᠲᠦᠮᠡᠨ ᠤ ᠬᠠᠮᠲᠤ ᠶᠢᠨ ᠠᠵᠢᠯᠯᠠᠭᠠᠨ ᠤ ᠬᠥᠲᠥᠯᠪᠦᠷᠢ ᠪᠣᠯᠭᠠᠨ᠎ᠠ᠃ | |