2020 ᠣᠨ ᠤ ᠵᠠᠰᠠᠭ ᠤᠨ ᠣᠷᠳᠤᠨ ᠤ ᠠᠵᠢᠯ ᠤᠨ ᠢᠯᠡᠳᠬᠡᠯ ︵ᠳᠥᠷᠪᠡ︶
ᠨᠡᠶᠢᠲᠡᠯᠡᠭᠰᠡᠨ ᠴᠠᠭ᠄
2020/9/25
ᠡᠨᠡ ᠵᠢᠯ ᠳᠠᠷᠠᠭᠠᠬᠢ ᠨᠠᠢᠮᠠᠨ ᠲᠠᠯ᠎ᠠ ᠶᠢᠨ ᠠᠵᠢᠯ ᠳᠤ ᠠᠩᠬᠠᠷᠤᠯ ᠢᠶᠠᠨ ᠬᠠᠨᠳᠤᠭᠤᠯᠤᠨ ᠠᠵᠢᠯᠯᠠᠬᠤ ᠪᠣᠯᠣᠨ᠎ᠠ᠃︵ᠨᠢᠭᠡ︶ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠳᠤ ᠠᠩᠬᠠᠷᠤᠯ ᠢᠶᠠᠨ ᠬᠠᠨᠳᠤᠭᠤᠯᠵᠤ᠂ ︽ᠭᠤᠷᠪᠠᠨ ᠪᠣᠭᠤᠮᠲᠠ︾ ᠶᠢ ᠢᠯᠠᠨ ᠳᠠᠪᠠᠭ᠋ᠤ ᠠᠵᠢᠯ ᠢ ᠡᠷᠴᠢᠮᠲᠡᠢ ᠬᠢᠨ᠎ᠡᠶᠠᠳᠠᠭᠤᠷᠠᠯ ᠠᠴᠠ ᠠᠩᠭᠢᠵᠢᠷᠠᠭᠤᠯᠬᠤ ᠬᠦᠴᠢᠷᠳᠡᠯ ᠢ ᠳᠠᠪᠠᠨ ᠲᠤᠭᠤᠯᠵᠤ ᠰᠢᠢᠳᠪᠦᠷᠢᠲᠦ ᠢᠯᠠᠯᠲᠠ ᠶᠢ ᠣᠯᠤᠨ᠎ᠠ᠃ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠭᠦᠢᠴᠡᠳᠬᠡᠵᠦ᠂ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ 120 ᠲᠥᠷᠥᠯ ᠵᠦᠢᠯ ᠢ ᠨᠥᠭᠡᠴᠡᠯᠡᠵᠦ᠂ 6000 ᠲᠦᠮᠡᠨ ᠲᠥᠭᠦᠷᠢᠭ ᠤᠨ ᠲᠤᠰᠬᠠᠢ ᠪᠡᠯᠡ ᠮᠥᠩᠭᠦ ᠣᠷᠣᠭᠤᠯᠬᠤ ᠪᠠᠷ ᠲᠥᠯᠥᠪᠯᠡᠵᠦ᠂ ᠦᠬᠡᠷ ᠤᠨ ᠮᠢᠬᠠᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠵᠡᠷᠭᠡ 55 ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠭᠠᠴᠠᠭ᠎ᠠ ᠲᠣᠰᠬᠤᠨ ᠤ ᠰᠠᠭᠤᠷᠢ ᠲᠥᠬᠦᠭᠡᠷᠦᠮᠵᠢ ᠪᠣᠯᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ ᠠᠵᠢᠯ ᠢ ᠬᠥᠳᠡᠭᠡ ᠲᠤᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠵᠣᠬᠢᠰᠲᠠᠢ ᠤᠶᠠᠯᠳᠤᠭᠤᠯᠤᠨ᠎ᠠ᠃ ︽ᠳᠥᠷᠪᠡ ᠶᠢ ᠲᠠᠶᠠᠭᠳᠠᠬᠤ ᠦᠭᠡᠢ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠷᠡᠭᠦᠯ ᠮᠡᠨᠳᠦ ᠪᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ᠂ ᠮᠥᠩᠭᠦᠨ ᠭᠦᠢᠯᠭᠡᠭᠡᠨ ᠢᠶᠠᠷ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠪᠠ ᠦᠨᠳᠦᠰᠦᠨ ᠵᠦᠢᠯ ᠢ ᠪᠠᠲᠤᠯᠠᠬᠤ ᠵᠡᠷᠭᠡ ᠲᠥᠷᠦ ᠶᠢᠨ ᠪᠣᠳᠣᠯᠭ᠎ᠠ ᠶᠢ ᠭᠦᠨᠵᠡᠭᠡᠢ ᠠᠬᠢᠭᠤᠯᠵᠤ᠂ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ 82 ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠡᠮᠡᠭᠳᠡᠭᠦᠯᠪᠡ᠃ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠪᠠᠯᠠ ᠮᠥᠩᠭᠦ ᠶᠢ ᠰᠠᠶᠢᠲᠤᠷ ᠬᠠᠮᠢᠶᠠᠷᠴᠤ ᠬᠡᠷᠡᠭᠯᠡᠨ᠂ ᠤᠯᠤᠰ ᠤᠨ ᠥᠮᠴᠢᠯᠡᠯᠲᠤ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠺᠣᠮᠫᠠᠨᠢ᠂ ᠲᠣᠯᠣᠭᠠᠶᠢᠯᠠᠭᠴᠢ ᠠᠵᠤ ᠠᠬᠤᠶᠢᠯᠠᠯ᠂ ᠬᠤᠷᠰᠢᠭᠰᠠᠨ ᠵᠣᠬᠢᠶᠠᠨ ᠪᠠᠶᠢᠭᠤᠯᠤᠯᠲᠠ ᠶᠢ ᠬᠥᠲᠥᠯᠦᠨ ᠵᠢᠯᠣᠭᠤᠳᠴᠤ ᠪᠠᠶᠢᠭᠠᠳ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ ᠠᠵᠢᠯ ᠤᠨ ᠬᠥᠲᠥᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠎ᠠ᠃ ᠲᠣᠭᠲᠠᠪᠤᠷᠢᠲᠠᠢ ᠪᠠᠷ ᠶᠠᠳᠠᠭᠤᠷᠠᠯ ᠠᠴᠠ ᠠᠩᠭᠢᠵᠢᠷᠠᠭᠤᠯᠬᠤ ᠪᠠ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠲᠠᠬᠢᠨ ᠶᠠᠳᠠᠭᠤᠷᠠᠭᠰᠠᠨ ᠬᠥᠮᠦᠨ ᠠᠮᠠ ᠪᠠ ᠰᠢᠨ᠎ᠡ ᠪᠠᠷ ᠪᠤᠢ ᠪᠣᠯᠣᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠰᠢᠯᠭᠠᠨ ᠪᠦᠷᠢᠳᠬᠡᠬᠦ ᠪᠠ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠨ᠎ᠠ᠃ ᠲᠥᠪ ᠤᠨ ᠲᠤᠰᠬᠠᠢ ᠲᠣᠭᠤᠷᠢᠨ ᠪᠠᠶᠢᠴᠠᠭᠠᠯᠲᠠ ᠶᠢᠨ ︽ᠳᠠᠬᠢᠨ ᠰᠢᠯᠭᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ᠂ ᠥᠪᠡᠷᠲᠡᠭᠡᠨ ᠵᠠᠰᠠᠬᠤ ᠣᠷᠣᠨ ᠤ ᠳᠠᠯᠳᠠᠭᠤᠷ ᠰᠤᠷᠪᠤᠯᠵᠢᠯᠠᠵᠤ ᠰᠤᠭᠤᠴᠢᠨ ᠪᠠᠶᠢᠴᠠᠭᠠᠬᠤ᠂ ᠠᠯᠠᠱᠠ ᠵᠡᠭᠦᠨ ᠬᠤᠰᠢᠭᠤᠨ ᠤ ᠪᠦᠬᠦ ᠲᠠᠯ᠎ᠠ ᠶᠢᠨ ᠪᠠᠶᠢᠳᠠᠯ ᠢ ᠨᠠᠷᠢᠪᠴᠢᠯᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠤᠳ ᠢ ᠴᠡᠭᠴᠡᠯᠡᠨ ᠰᠠᠶᠢᠵᠢᠷᠠᠭᠤᠯᠵᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ ᠠᠵᠢᠯ ᠤᠨ ᠪᠦᠷᠢᠳᠬᠡᠯᠲᠡ ᠪᠠᠶᠢᠴᠠᠭᠠᠯᠲᠠ ᠶᠢ ᠪᠦᠬᠦ ᠲᠠᠯ᠎ᠠ ᠪᠠᠷ ᠰᠠᠶᠢᠲᠤᠷ ᠬᠢᠵᠦ᠂ ᠶᠠᠳᠠᠭᠤ ᠬᠦᠴᠢᠷᠳᠡᠯᠲᠡᠢ ᠬᠥᠮᠦᠨ ᠪᠦᠷᠢ ᠶᠢ ᠴᠢᠨᠡᠭᠡᠯᠢᠭ ᠨᠡᠶᠢᠭᠡᠮ ᠠᠴᠠ ᠬᠤᠴᠣᠷᠤᠭᠤᠯᠬᠤ ᠦᠭᠡᠢ ᠪᠠᠶᠢᠬᠤ ᠶᠢ ᠪᠠᠲᠤᠯᠠᠨ᠎ᠠ᠃ᠠᠶᠤᠯ ᠡᠷᠡᠰᠳᠡᠯ ᠢ ᠰᠡᠷᠭᠡᠶᠢᠯᠡᠨ ᠠᠷᠢᠯᠭᠠᠨ᠎ᠠ᠃ ᠥᠷᠢ ᠥᠭᠴᠡᠭᠡ ᠶᠢᠨ ᠦᠯᠡᠳᠡᠭᠳᠡᠯ ᠢ ᠡᠷᠴᠢᠮᠲᠡᠢ ᠰᠢᠢᠳᠪᠦᠷᠢᠯᠡᠵᠦ᠂ ᠵᠠᠰᠠᠭ ᠤᠨ ᠣᠷᠳᠣᠨ ᠤ ᠳᠠᠯᠳᠠ ᠥᠷᠢ ᠥᠭᠴᠡᠭᠡ ᠶᠢ 8.8 ᠳ᠋ᠦᠩᠰᠢᠭᠤᠷ ᠲᠥᠭᠦᠷᠢᠭ ᠲᠥᠯᠥᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠥᠷᠢᠲᠦᠵᠦ ᠪᠠᠶᠢᠭ᠎ᠠ 6.8 ᠳ᠋ᠦᠩᠰᠢᠭᠤᠷ ᠲᠥᠭᠦᠷᠢᠭ ᠢ ᠲᠥᠯᠥᠵᠦ ᠳᠠᠭᠤᠰᠬᠠᠨ᠎ᠠ᠃ ᠡᠳ᠋ ᠤᠨ ᠵᠠᠰᠠᠭ ᠤᠨ ᠢᠷᠡᠯᠲᠡ ᠶᠢ ᠨᠡᠮᠡᠭᠳᠡᠭᠦᠯᠬᠦ ᠠᠵᠢᠯ ᠢ ᠴᠢᠩᠭᠠᠳᠬᠠᠵᠤ᠂ ᠤᠯᠤᠰ ᠤᠨ ᠰᠢᠨ᠎ᠡ ᠪᠠᠷ ᠨᠡᠮᠡᠭᠳᠡᠭᠰᠡᠨ ᠡᠳ᠋ ᠤᠨ ᠵᠠᠰᠠᠭ ᠤᠨ ᠬᠤᠷᠢᠭ᠎ᠠ ᠲᠤᠭ᠎ᠠ ᠪᠣᠯᠤᠨ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠣᠨᠴᠠᠭᠠᠶ ᠵᠢᠭᠡᠯᠡᠯᠭᠡ ᠶᠢᠨ ᠪᠡᠯᠡ ᠮᠥᠩᠭᠦ ᠶᠢ ᠴᠢᠷᠮᠠᠶᠢᠨ ᠣᠯᠵᠤ᠂ ᠦᠷ᠎ᠡ ᠠᠰᠢᠭ ᠢᠶᠠᠷ ᠥᠨᠳᠥᠷ᠂ ᠲᠦᠷᠭᠡᠨ ᠨᠥᠯᠥᠭᠡ ᠭᠠᠷᠴᠤ ᠴᠢᠳᠠᠬᠤ᠂ ᠠᠯᠤᠰ ᠬᠡᠳᠦ ᠶᠢᠨ ᠠᠰᠢᠭ ᠲᠠᠢ ᠲᠥᠷᠥᠯ ᠵᠦᠢᠯ ᠢ ᠲᠥᠯᠥᠪᠵᠢᠭᠦᠯᠦᠨ᠂ ᠭᠠᠶᠢᠯᠢ ᠲᠠᠲᠠᠪᠤᠷᠢ ᠶᠢᠨ ᠨᠡᠮᠡᠭᠳᠡᠯ ᠢ ᠳᠡᠭᠡᠭᠰᠢᠯᠡᠭᠦᠯᠦᠨ᠎ᠡ᠃ ᠤᠯᠤᠰ ᠤᠨ ᠥᠮᠴᠢᠯᠡᠯᠲᠤ ᠥᠯᠡᠭᠦᠦ ᠡᠳ᠋ ᠬᠥᠷᠥᠩᠭᠡ ᠶᠢ ᠵᠦᠶ ᠵᠣᠬᠢᠰᠲᠠᠶ ᠰᠢᠢᠳᠪᠦᠷᠢᠯᠡᠵᠦ᠂ ᠦᠯᠡᠳᠡᠪᠦᠷᠢ ᠮᠥᠩᠭᠦ ᠪᠠ ᠲᠤᠨᠤᠮᠠᠯ ᠪᠡᠯᠡ ᠮᠥᠩᠭᠦ ᠶᠢ ᠡᠷᠬᠢᠯᠲᠡ ᠳᠤ ᠣᠷᠣᠭᠤᠯᠤᠨ᠎ᠠ᠃ ᠥᠪᠥᠷ ᠮᠣᠩᠭᠤᠯ ᠤᠨ ᠡᠳ᠋ ᠤᠨ ᠵᠠᠰᠠᠭ ᠤᠨ ᠮᠡᠳᠡᠭᠡ ᠵᠠᠩᠭᠢ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠬᠠᠷᠢᠯᠴᠠᠵᠤ᠂ ᠥᠷᠢ ᠰᠢᠷᠢ ᠶᠢ ᠲᠣᠭᠲᠠᠪᠤᠷᠢᠲᠠᠢ ᠹᠤᠨᠳ᠋ ᠪᠣᠯᠭᠠᠨ ᠬᠤᠪᠢᠷᠠᠭᠤᠯᠬᠤ ᠠᠷᠭ᠎ᠠ ᠪᠠᠷ ᠥᠷᠢ ᠶᠢᠨ ᠠᠰᠠᠭᠤᠳᠠᠯ ᠢ ᠰᠢᠢᠳᠪᠦᠷᠢᠯᠡᠨ᠎ᠡ᠃ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ︽ᠭᠤᠷᠪᠠᠨ ᠵᠠᠷᠤᠳᠠᠯ ᠢ ᠪᠠᠲᠤᠯᠠᠬᠤ︾ ᠶᠢ ᠡᠩ ᠲᠡᠷᠢᠭᠦᠨ ᠳᠤ ᠪᠠᠷᠢᠮᠲᠠᠯᠠᠵᠤ᠂ ᠭᠤᠣᠯᠳᠠᠯᠭ᠎ᠠ ᠲᠠᠢ ᠪᠢᠰᠢ ᠪᠠ ᠴᠢᠬᠤᠯᠠ ᠪᠤᠰᠤ ᠵᠠᠷᠤᠯᠭ᠎ᠠ ᠶᠢ ᠪᠠᠭᠠᠰᠬᠠᠨ᠂ ︽ᠠᠯᠪᠠᠨ ᠤ ᠭᠤᠷᠪᠠᠨ ᠵᠠᠷᠤᠳᠠᠯ︾ ᠢ 10% ᠪᠠᠷ ᠪᠠᠭᠠᠰᠬᠠᠨ᠎ᠠ᠃ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠠᠵᠢᠯᠯᠠᠭ᠎ᠠ ᠶᠢ ᠵᠢᠷᠤᠮᠵᠢᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠥᠪ ᠪᠤᠰᠤ ᠵᠢᠭᠡᠯᠡᠯᠭᠡ ᠶᠢ ᠬᠠᠤᠯᠢ ᠶᠣᠰᠣᠭᠠᠷ ᠰᠢᠢᠳᠪᠦᠷᠢᠯᠡᠬᠦ ᠳᠤ ᠳᠡᠮᠵᠢᠯᠭᠡ ᠦᠵᠡᠭᠦᠯᠦᠨ᠎ᠡ᠃ᠪᠣᠬᠢᠷᠲᠤᠯ ᠢ ᠰᠡᠷᠭᠡᠶᠢᠯᠡᠨ ᠵᠠᠰᠠᠭᠰᠠᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠳᠡᠭᠡᠳᠦ ᠱᠠᠲᠤᠨ ᠤ ᠬᠠᠷᠢᠭᠤ ᠲᠤᠰᠬᠠᠭᠰᠠᠨ ᠠᠰᠠᠭᠤᠳᠠᠯ ᠢ ᠰᠠᠶᠢᠵᠢᠷᠠᠭᠤᠯᠤᠨ ᠴᠡᠭᠴᠡᠯᠡᠬᠦ ᠠᠵᠢᠯ ᠢ ᠰᠠᠶᠢᠲᠤᠷ ᠭᠦᠢᠴᠡᠳᠬᠡᠨ᠎ᠡ᠃ 6 ᠭᠤᠤᠯᠳᠠᠯᠭ᠎ᠠ ᠲᠠᠢ ᠣᠷᠣᠨ ᠪᠦᠰᠡ ᠶᠢᠨ ᠣᠷᠴᠢᠨ ᠠᠬᠤᠶ ᠶᠢᠨ ᠵᠠᠰᠠᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠯᠠᠱᠠ ᠠᠭᠤᠯᠠᠨ ᠤ ᠪᠠᠷᠠᠭᠤᠨ ᠲᠠᠯ᠎ᠠ ᠶᠢᠨ ᠵᠠᠳᠠᠭᠠᠶ ᠨᠡᠭᠦᠷᠡᠰᠦᠨ ᠠᠭᠤᠷᠬᠠᠶ ᠶᠢᠨ ᠠᠮᠢ ᠠᠬᠤᠶ ᠶᠢᠨ ᠣᠷᠴᠢᠨ ᠨᠥᠬᠦᠴᠡᠯ ᠢ ᠶᠡᠷᠦᠩᠬᠡᠶᠢᠯᠡᠨ ᠵᠠᠰᠠᠬᠤ ᠠᠵᠢᠯ ᠢ ᠡᠷᠴᠢᠮᠲᠡᠢ ᠭᠦᠢᠴᠡᠳᠬᠡᠨ᠎ᠡ᠃ ᠪᠣᠬᠢᠷᠲᠤᠯ ᠤᠨ ᠡᠬᠢ ᠰᠤᠷᠪᠤᠯᠵᠢ ᠶᠢ ᠭᠠᠳᠠᠭᠰᠢᠯᠠᠭᠤᠯᠬᠤ ᠪᠠᠷᠢᠮᠵᠢᠶ᠎ᠠ ᠳᠤ ᠬᠦᠷᠭᠡᠬᠦ ᠲᠥᠯᠥᠪᠯᠡᠭᠡ ᠶᠢ ᠬᠡᠷᠡᠭᠵᠢᠭᠦᠯᠵᠦ᠂ ︽ᠲᠠᠷᠠᠬᠠᠶ ᠪᠤᠲᠠᠷᠬᠠᠶ᠂ ᠡᠮᠬᠢ ᠵᠠᠮᠪᠠᠷᠠᠭ᠎ᠠ ᠦᠭᠡᠢ᠂ ᠪᠣᠬᠢᠷᠲᠤᠯ ᠲᠠᠢ︾ ᠠᠵᠤ ᠠᠬᠤᠶᠢᠯᠠᠯ ᠢ ᠵᠠᠰᠠᠨ ᠴᠡᠭᠴᠡᠯᠡᠬᠦ ᠠᠵᠢᠯ ᠢ ᠭᠦᠢᠴᠡᠳᠬᠡᠨ᠎ᠡ᠃ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠵᠢᠷᠤᠮᠵᠢᠭᠰᠠᠨ ᠪᠦᠲᠦᠭᠡᠨ ᠪᠠᠶᠢᠭᠤᠯᠤᠯᠲᠠ᠂ ᠬᠠᠳᠤᠨ ᠭᠤᠤᠯ ᠤᠨ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠪᠠᠶᠠᠨᠬᠤᠲᠠ ᠪᠠᠯᠭᠠᠰᠤᠨ ᠤ ᠪᠣᠬᠢᠷ ᠤᠰᠤ ᠶᠢ ᠴᠡᠪᠡᠷᠰᠢᠭᠦᠯᠬᠦ ᠦᠢᠯᠡᠳᠪᠦᠷᠢ ᠶᠢᠨ ᠳᠡᠰ ᠳᠡᠪᠰᠢᠭᠦᠯᠬᠦ ᠲᠥᠷᠥᠯ ᠵᠦᠢᠯ ᠢ ᠲᠦᠷᠭᠡᠳᠬᠡᠨ ᠠᠬᠢᠭᠤᠯᠤᠨ᠎ᠠ᠃ ᠴᠠᠬᠢᠯᠭᠠᠨ ᠬᠦᠴᠦᠨ ᠤ ᠠᠵᠢᠯ ᠲᠥᠷᠥᠯ ᠤᠨ ᠭᠠᠳᠠᠭᠰᠢᠯᠠᠭᠤᠯᠤᠯᠲᠠ ᠶᠢ ᠬᠠᠮᠤᠭ ᠳᠣᠣᠷ᠎ᠠ ᠬᠡᠮᠵᠢᠶ᠎ᠡ ᠪᠠᠷ ᠪᠠᠭᠠᠰᠬᠠᠬᠤ ᠥᠭᠡᠷᠡᠴᠢᠯᠡᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠲᠠᠯᠠᠪᠤᠷ ᠤᠨ ᠪᠢᠲᠡᠭᠦᠮᠵᠢᠯᠡᠯᠲᠡ ᠶᠢᠨ ᠪᠠᠶᠢᠭᠤᠯᠤᠯᠲᠠ ᠶᠢ ᠲᠦᠷᠭᠡᠳᠬᠡᠵᠦ᠂ ᠪᠠᠷᠢᠯᠭ᠎ᠠ ᠶᠢᠨ ᠭᠠᠵᠠᠷ᠂ ᠵᠠᠮ ᠤᠨ ᠲᠣᠭᠤᠰᠤᠵᠢᠯᠲᠠ ᠶᠢ ᠵᠠᠰᠠᠨ ᠴᠡᠭᠴᠡᠯᠡᠬᠦ ᠠᠵᠢᠯ ᠢ ᠴᠢᠩᠭᠠᠳᠬᠠᠨ᠎ᠠ᠃ ᠣᠷᠴᠢᠨ ᠲᠣᠭᠤᠷᠢᠨ ᠤ ᠴᠢᠨᠠᠷ ᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠦᠨᠡᠨᠬᠦ ᠪᠠᠲᠤᠯᠠᠨ᠎ᠠ᠃︵ᠬᠤᠶᠠᠷ︶ ᠪᠣᠳᠠᠳᠤ ᠴᠣᠭᠴᠠ ᠶᠢᠨ ᠠᠵᠤ ᠠᠬᠤᠶ ᠶᠢ ᠡᠷᠴᠢᠮᠲᠡᠢ ᠰᠠᠶᠢᠵᠢᠷᠠᠭᠤᠯᠵᠤ᠂ ᠠᠵᠤ ᠦᠢᠯᠡᠰ ᠤᠨ ᠰᠢᠨᠡᠴᠢᠯᠡᠯ ᠲᠠᠢ ᠬᠥᠭᠵᠢᠯᠲᠡ ᠶᠢ ᠠᠬᠢᠭᠤᠯᠤᠨ᠎ᠠᠲᠠᠷᠢᠶᠠᠯᠠᠩ ᠮᠠᠯ ᠠᠵᠤ ᠠᠬᠤᠢ ᠶᠢᠨ ᠣᠨᠴᠠᠯᠢᠭᠲᠤ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠲᠠᠷᠢᠮᠠᠯ ᠤᠨ ᠨᠡᠶᠢᠲᠡ ᠲᠠᠯᠠᠪᠠᠢ ᠶᠢ 28 ᠲᠦᠮᠡᠨ ᠮᠦ ᠳᠤ ᠬᠢᠵᠠᠭᠠᠷᠯᠠᠵᠤ᠂ 4 ᠲᠦᠮᠡᠨ ᠮᠦ ᠥᠨᠳᠥᠷ ᠪᠠᠷᠢᠮᠵᠢᠶ᠎ᠠ ᠪᠦᠬᠦᠢ ᠲᠠᠷᠢᠶᠠᠨ ᠭᠠᠵᠠᠷ ᠢ ᠰᠢᠨ᠎ᠡ ᠪᠠᠷ ᠭᠠᠷᠭᠠᠨ᠎ᠠ᠃ ᠣᠷᠭᠠᠨᠢᠭ ᠪᠤᠭᠤᠳᠠᠢ᠂ ᠨᠠᠷᠢᠮᠤ᠂ ᠡᠮ ᠤᠨ ᠮᠠᠲ᠋ᠧᠷᠢᠶᠠᠯ ᠵᠡᠷᠭᠡ ᠲᠠᠷᠢᠮᠠᠯ ᠤᠨ ᠲᠠᠯᠠᠪᠠᠢ ᠶᠢ ᠥᠷᠭᠡᠳᠬᠡᠨ᠎ᠡ᠃ ᠤᠰᠤ ᠠᠷᠪᠢᠯᠠᠬᠤ ᠪᠣᠬᠢᠷᠲᠤᠯ ᠥᠬᠡᠶ ᠣᠷᠭᠠᠨᠢᠭ ᠲᠠᠷᠢᠮᠠᠯ ᠢ ᠳᠡᠯᠭᠡᠷᠡᠭᠦᠯᠵᠦ᠂ SEE ᠠᠮᠢ ᠠᠬᠤᠶ ᠶᠢᠨ ᠨᠡᠶᠢᠭᠡᠮᠯᠢᠭ ᠲᠠᠢ ᠬᠠᠮᠲᠤᠷᠠᠯᠴᠠᠵᠤ᠂ ︽ᠠᠶ ᠰᠢᠶᠣᠣ ᠮᠠᠢ︾ ᠭᠡᠮᠡᠬᠦ ᠨᠠᠷᠠᠲᠤ ᠲᠡᠮᠳᠡᠭ ᠢ ᠪᠣᠶ ᠪᠣᠯᠭᠠᠨ᠎ᠠ᠃ ᠳᠡᠭᠡᠳᠦ ᠲᠡᠰ ᠤᠨ ᠮᠠᠯ ᠠᠵᠤ ᠠᠬᠤᠶ ᠶᠢ ᠬᠦᠴᠦᠯᠡᠨ ᠬᠥᠭᠵᠢᠭᠦᠯᠵᠦ᠂ ᠲᠡᠮᠡᠭᠡᠨ ᠤ ᠠᠵᠤ ᠦᠢᠯᠡᠰ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠴᠠᠭᠠᠨ ᠨᠣᠯᠤᠤᠷᠲᠤ ᠢᠮᠠᠭ᠎ᠠ᠂ ᠬᠤᠤᠰ ᠪᠥᠬᠦᠲᠦ ᠲᠡᠮᠡᠭᠡᠨ ᠤ ᠡᠭᠦᠯᠳᠡᠷ ᠤᠨ ᠰᠦᠷᠦᠭ ᠪᠠ ︽ᠰᠢᠶᠤᠤ ᠮᠢᠩ︾ ᠡᠭᠦᠯᠳᠡᠷ ᠤᠨ ᠲᠠᠬᠢᠶᠠᠨ ᠤ ᠲᠠᠯᠠᠪᠠᠶ ᠶᠢᠨ ᠬᠡᠪᠴᠢᠶ᠎ᠡ ᠶᠢ ᠥᠷᠭᠡᠳᠬᠡᠵᠦ᠂ ︽ᠠᠳᠦ᠋︾ ᠬᠤᠨᠢ ᠶᠢ ᠤᠯᠤᠰ ᠤᠨ ᠡᠭᠦᠯᠳᠡᠷ ᠤᠨ ᠬᠢᠨᠠᠨ ᠲᠣᠭᠲᠠᠭᠠᠯᠲᠠ ᠪᠠᠷ ᠭᠡᠷᠡᠴᠢᠯᠡᠭᠦᠯᠦᠨ ᠨᠡᠷᠡᠰᠢᠭᠦᠯᠬᠦ ᠠᠵᠢᠯ ᠢ ᠠᠬᠢᠭᠤᠯᠤᠨ᠎ᠠ᠃ ᠲᠠᠷᠢᠶᠠᠯᠠᠩ ᠠᠵᠤ ᠠᠬᠤᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠥᠲᠥᠯᠥᠨ ᠵᠢᠯᠣᠭᠤᠳᠴᠤ᠂ ᠠᠰᠢᠭ ᠲᠤᠰᠠ ᠶᠢᠨ ᠬᠤᠯᠪᠣᠭ᠎ᠠ ᠲᠣᠭᠲᠠᠴᠠ ᠶᠢ ᠢᠳᠡᠪᠬᠢᠲᠡᠶ ᠪᠠᠷ ᠪᠤᠢ ᠪᠣᠯᠭᠠᠵᠤ᠂ ᠮᠠᠯᠴᠢᠳ ᠲᠠᠷᠢᠶᠠᠴᠢᠳ ᠲᠤ ᠨᠡᠩ ᠣᠯᠠᠨ ᠪᠣᠳᠠᠲᠠᠢ ᠠᠰᠢᠭ ᠬᠦᠷᠲᠡᠭᠡᠬᠦ ᠬᠡᠷᠡᠭᠲᠡᠶ᠃ᠠᠵᠤ ᠦᠢᠯᠡᠳᠪᠦᠷᠢ ᠶᠢᠨ ᠣᠯᠠᠨ ᠡᠰᠢᠵᠢᠭᠰᠡᠨ ᠬᠥᠭᠵᠢᠯᠲᠡ ᠶᠢ ᠲᠦᠷᠭᠡᠳᠬᠡᠨ᠎ᠡ᠃ ᠣᠷᠣᠨ ᠪᠠᠶᠢᠷᠢ ᠪᠠ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠣᠯᠠᠨᠪᠤᠯᠠᠭ ᠬᠢᠯᠢ ᠶᠢᠨ ᠠᠵᠤ ᠠᠬᠤᠢ ᠶᠢᠨ ᠬᠠᠮᠲᠤ ᠶᠢᠨ ᠠᠵᠢᠯᠯᠠᠭᠠᠨ ᠤ ᠰᠢᠨ᠎ᠡ ᠠᠵᠤ ᠦᠢᠯᠡᠰ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠪᠠᠯ ᠴᠢᠯᠠᠭᠤᠨ ᠤ ᠠᠯᠺᠧᠨ᠂ ᠴᠢᠯᠠᠭᠤᠨ ᠲᠣᠰᠣ᠂ ᠰᠠᠯᠬᠢᠨ ᠡᠨᠧᠷᠭᠢ ᠶᠢᠨ ᠴᠠᠬᠢᠯᠭᠠᠨ ᠵᠡᠷᠭᠡ ᠠᠵᠤ ᠦᠢᠯᠡᠰ ᠤᠨ ᠬᠡᠯᠬᠢᠶ᠎ᠡ ᠶᠢ ᠬᠥᠭᠵᠢᠭᠦᠯᠵᠦ᠂ ᠵᠢᠨᠪᠤᠯᠠᠭ 16 ᠲᠦᠮᠡᠨ ᠲᠣᠨ ᠪᠠᠯ ᠴᠢᠯᠠᠭᠤᠨ ᠤ ᠨᠠᠷᠢᠯᠢᠭ ᠬᠦᠳᠡᠷ ᠢ ᠠᠰᠢᠭᠯᠠᠯᠲᠠ ᠳᠤ ᠣᠷᠣᠭᠤᠯᠤᠨ ᠡᠵᠡᠩᠨᠡᠬᠦ ᠶᠢ ᠠᠬᠢᠭᠤᠯᠵᠤ᠂ ᠤᠮᠠᠷᠠᠲᠤ ᠶᠢᠨ ᠴᠢᠯᠠᠭᠤᠨ ᠲᠣᠰᠣᠨ ᠠᠭᠤᠷᠬᠠᠶ ᠶᠢᠨ ᠵᠢᠢ ᠲᠠᠢ ᠬᠤᠪᠢᠶᠠᠷᠢ ᠺᠣᠮᠫᠠᠨᠢ ᠶᠢᠨ ᠦᠢᠯᠡᠳᠪᠦᠷᠢᠯᠡᠯ ᠤᠨ ᠴᠢᠳᠠᠪᠤᠷᠢ ᠶᠢ 32 ᠲᠦᠮᠡᠨ ᠲᠣᠨ ᠳᠤ ᠬᠦᠷᠭᠡᠨ᠎ᠡ᠃ 160 ᠲᠦᠮᠡᠨ ᠺᠢᠯᠣᠸᠠᠲ ᠤᠨ ᠰᠠᠯᠬᠢᠨ ᠡᠨᠧᠷᠭᠢ ᠶᠢᠨ ᠴᠠᠬᠢᠯᠭᠠᠨ᠂ ᠬᠤᠣ ᠶᠠ 500 ᠺᠢᠯᠣᠸᠠᠲ ᠤᠨ ᠴᠠᠬᠢᠯᠭᠠᠨ ᠬᠦᠷᠭᠡᠬᠦ ᠬᠤᠪᠢᠷᠠᠭᠤᠯᠬᠤ ᠢᠨᠵᠧᠨᠧᠷᠢᠩ ᠵᠡᠷᠭᠡ ᠲᠥᠷᠥᠯ ᠵᠦᠢᠯ ᠤᠨ ᠠᠵᠢᠯ ᠢ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠪᠠᠲᠤᠯᠠᠨ᠎ᠠ᠃ ᠪᠢᠯᠡᠭᠦᠲᠦ ᠶᠢᠨ ᠭᠤᠣᠯ ᠤᠨ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠪᠠᠷᠢᠯᠭ᠎ᠠ ᠶᠢᠨ ᠮᠠᠲ᠋ᠧᠷᠢᠶᠠᠯ᠂ ᠬᠤᠩ ᠶᠤᠸᠠᠨ 60 ᠲᠦᠮᠡᠨ ᠲᠣᠨ ᠵᠡᠰ ᠤᠨ ᠬᠦᠳᠡᠷ ᠭᠠᠷᠭᠠᠬᠤ᠂ ᠵᠤᠯᠵᠠᠭ᠎ᠠ ᠠᠯᠲᠠᠨ ᠤ ᠠᠭᠤᠷᠬᠠᠢ ᠶᠢᠨ ᠵᠢᠯ ᠳᠤ 1.3 ᠲᠣᠨ ᠰᠢᠵᠢᠷ ᠠᠯᠲᠠ ᠣᠯᠪᠤᠷᠢᠯᠠᠬᠤ᠂ ᠥᠪᠥᠷ ᠮᠣᠩᠭᠤᠯ ᠤᠨ ᠵᠡᠭᠦᠨ ᠬᠡᠰᠡᠭ ᠤᠨ 300 ᠲᠦᠮᠡᠨ ᠲᠣᠨ ᠬᠦᠳᠡᠷ ᠰᠢᠯᠢᠬᠦ ᠵᠢᠴᠢ ᠨᠠᠷᠢᠯᠢᠭ ᠪᠣᠯᠪᠠᠰᠤᠷᠠᠭᠤᠯᠬᠤ ᠵᠡᠷᠭᠡ ᠲᠥᠷᠥᠯ ᠵᠦᠢᠯ ᠤᠨ ᠠᠬᠢᠴᠠ ᠶᠢ ᠲᠦᠷᠭᠡᠳᠬᠡᠨ᠎ᠡ᠃ ᠱᠠᠨᠰᠢ ᠶᠢᠨ ᠪᠦᠲᠦᠭᠡᠨ ᠪᠠᠶᠢᠭᠤᠯᠤᠯᠲᠠ ᠶᠢᠨ ᠪᠥᠯᠥᠭᠯᠡᠯ᠂ ᠴᠢᠶᠠᠨ ᠱᠦᠨ ᠪᠣᠷᠵᠢᠨ ᠴᠢᠯᠠᠭᠤᠯᠢᠭ ᠤᠨ ᠬᠠᠶᠠᠭᠳᠠᠮᠠᠯ ᠮᠠᠲ᠋ᠧᠷᠢᠶᠠᠯ ᠢ ᠪᠦᠷᠢᠨ ᠠᠰᠢᠭᠯᠠᠬᠤ ᠲᠥᠷᠥᠯ ᠵᠦᠢᠯ ᠢ ᠲᠦᠯᠬᠢᠨ ᠠᠬᠢᠭᠤᠯᠵᠤ᠂ ᠴᠢᠯᠠᠭᠤᠨ ᠮᠠᠲ᠋ᠧᠷᠢᠶᠠᠯ ᠤᠨ ᠠᠵᠤ ᠠᠬᠤᠶᠢᠯᠠᠯ ᠤᠨ ᠣᠯᠪᠤᠷᠢᠯᠠᠬᠤ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠬᠠᠮᠵᠢᠯᠴᠠᠨ ᠬᠥᠭᠵᠢᠭᠦᠯᠬᠦ ᠶᠢ ᠵᠣᠬᠢᠴᠠᠭᠤᠯᠤᠨ ᠠᠬᠢᠭᠤᠯᠤᠨ᠎ᠠ᠃ ᠠᠯᠠᠱᠠ ᠶᠢᠨ ᠬᠤᠶᠢᠲᠤ ᠠᠭᠤᠯᠠ ᠶᠢᠨ ᠡᠷᠦᠳᠡᠰᠦ ᠶᠢᠨ ᠪᠦᠰᠡ ᠳᠠᠬᠢ ᠭᠠᠵᠠᠷ ᠰᠢᠨᠵᠢᠯᠡᠭᠡᠨ ᠤ ᠬᠠᠶᠢᠭᠤᠯ ᠤᠨ ᠠᠵᠢᠯ ᠢ ᠡᠷᠴᠢᠮᠵᠢᠭᠦᠯᠵᠦ᠂ ᠡᠬᠢ ᠪᠠᠶᠠᠯᠢᠭ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠥᠭᠡᠷᠡᠴᠢᠯᠡᠨ᠎ᠡ᠃ᠵᠢᠭᠤᠯᠴᠢᠯᠠᠯ ᠤᠨ ᠦᠢᠯᠡᠰ ᠤᠨ ᠨᠡᠷᠡᠲᠦ ᠲᠡᠮᠳᠡᠭ ᠢ ᠠᠯᠳᠠᠷᠰᠢᠭᠤᠯᠤᠨ ᠬᠥᠭᠵᠢᠭᠦᠯᠬᠦ ᠶᠢ ᠪᠠᠷᠢᠮᠲᠠᠯᠠᠨ᠎ᠠ᠃ ᠪᠠᠷᠠᠭᠤᠨ ᠬᠤᠶᠢᠲᠤ ᠣᠷᠣᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠤᠯᠪᠣᠭ᠎ᠠ ᠶᠢ ᠪᠠᠶᠢᠭᠤᠯᠵᠤ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠥᠷᠢᠯᠡᠬᠦ ᠶᠢ ᠴᠢᠩᠭᠠᠳᠬᠠᠵᠤ᠂ ᠪᠦᠬᠦ ᠣᠷᠣᠨ ᠪᠦᠰᠡ ᠶᠢᠨ ᠵᠢᠭᠤᠯᠴᠢᠯᠠᠯ᠂ ᠳᠦᠷᠪᠡᠨ ᠤᠯᠠᠷᠢᠯ ᠤᠨ ᠵᠢᠭᠤᠯᠴᠢᠯᠠᠯ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠠᠯᠠᠱᠠ ᠠᠭᠤᠯᠠ ᠶᠢᠨ ᠪᠠᠷᠠᠭᠤᠨ ᠬᠤᠷᠮᠣᠶ ᠶᠢᠨ ᠠᠮᠢ ᠠᠬᠤᠢ ᠶᠢᠨ ᠵᠢᠭᠤᠯᠴᠢᠯᠠᠯ ᠤᠨ ᠣᠷᠣᠨ᠂ ᠠᠯᠠᠱᠠ ᠠᠭᠤᠯᠠ ᠶᠢᠨ ᠣᠢ ᠰᠢᠭᠤᠶ ᠶᠢᠨ ᠠᠮᠢ ᠠᠬᠤᠢ ᠶᠢᠨ ᠡᠷᠡᠭᠦᠯᠰᠢᠯ ᠵᠢᠭᠤᠯᠴᠢᠯᠠᠯ ᠤᠨ ᠣᠷᠣᠨ ᠵᠡᠷᠭᠡ ᠦᠵᠡᠮᠵᠢ ᠶᠢᠨ ᠣᠷᠣᠨ ᠤ ᠦᠢᠯᠡᠴᠢᠯᠡᠭᠡᠨ ᠤ ᠲᠥᠬᠦᠭᠡᠷᠦᠮᠵᠢ ᠪᠠ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠯᠠᠱᠠ ᠶᠢᠨ ᠪᠠᠭᠠᠲᠤᠷᠴᠤᠳ ᠤᠨ ᠴᠤᠭᠯᠠᠭᠠᠨ ᠢ ᠪᠠᠶᠢᠩᠭᠤ ᠶᠢᠨ ᠠᠵᠢᠯᠯᠠᠭ᠎ᠠ ᠲᠠᠢ ᠪᠣᠯᠭᠠᠬᠤ ᠶᠢ ᠠᠬᠢᠭᠤᠯᠤᠨ᠎ᠠ᠃ ᠬᠤᠪᠢᠰᠬᠠᠯᠲᠤ ᠵᠢᠭᠤᠯᠴᠢᠯᠠᠯ ᠵᠡᠷᠭᠡ ᠣᠨᠴᠠᠯᠢᠭᠲᠤ ᠵᠢᠭᠤᠯᠴᠢᠯᠠᠯ ᠤᠨ ᠱᠤᠭᠤᠮ ᠢ ᠪᠤᠢ ᠪᠣᠯᠭᠠᠵᠤ᠂ ᠬᠤᠪᠢᠰᠬᠠᠯᠲᠤ ᠬᠥᠮᠦᠵᠢᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠰᠣᠶᠣᠯ ᠵᠢᠭᠤᠯᠴᠢᠯᠠᠯ ᠤᠨ ᠤᠬᠠᠭᠤᠯᠭ᠎ᠠ ᠶᠢᠨ ᠡᠷᠴᠢᠮ ᠢ ᠴᠢᠩᠭᠠᠳᠬᠠᠵᠤ᠂ ᠵᠢᠭᠤᠯᠴᠢᠯᠠᠯ ᠤᠨ ᠴᠠᠬᠢᠮ ᠬᠤᠳᠠᠯᠳᠤᠭᠠᠨ ᠤ ᠲᠠᠪᠴᠠᠩ ᠲᠠᠢ ᠬᠠᠮᠲᠤᠷᠠᠯᠴᠠᠵᠤ᠂ ︽ᠰᠦᠯᠵᠢᠶ᠎ᠠ ᠪᠠ ᠪᠣᠳᠠᠲᠤ ᠳᠡᠯᠭᠡᠭᠦᠷ︾ ᠤᠨ ᠬᠠᠷᠢᠯᠴᠠᠨ ᠬᠤᠷᠰᠢᠭᠰᠠᠨ ᠬᠤᠳᠠᠯᠳᠤᠭ᠎ᠠ ᠶᠢ ᠪᠣᠶ ᠪᠣᠯᠭᠠᠨ᠎ᠠ᠃ 15 ᠳ᠋ᠤᠭᠠᠷ ᠬᠤᠭᠤᠴᠠᠭᠠᠨ ᠤ ᠠᠯᠠᠱᠠ ᠶᠢᠨ ᠪᠠᠭᠠᠲᠤᠷᠴᠤᠳ ᠤᠨ ᠴᠤᠭᠯᠠᠭᠠᠨ᠂ 16 ᠳ᠋ᠤᠭᠠᠷ ᠬᠤᠭᠤᠴᠠᠭᠠᠨ ᠤ ᠦᠵᠡᠮᠦᠷᠢ ᠶᠢᠨ ᠴᠢᠯᠠᠭᠤᠨ ᠤ ᠰᠣᠶᠣᠯ ᠤᠨ ᠨᠠᠶᠢᠷ ᠵᠡᠷᠭᠡ ᠲᠣᠮᠣ ᠬᠡᠯᠪᠡᠷᠢ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠥᠨᠳᠥᠷ ᠵᠡᠷᠭᠡᠯᠡᠯ ᠲᠠᠢ ᠡᠷᠬᠢᠯᠡᠨ ᠶᠠᠪᠤᠭᠳᠠᠭᠤᠯᠤᠨ᠎ᠠ᠃ ︽ᠬᠠᠨ ᠲᠡᠭᠷᠢ ᠠᠯᠠᠱᠠ︾ ᠵᠢᠭᠤᠯᠴᠢᠯᠠᠯ ᠤᠨ ᠨᠡᠷ᠎ᠡ ᠲᠡᠮᠳᠡᠭ ᠢ ᠠᠯᠳᠠᠷᠰᠢᠭᠤᠯᠵᠤ᠂ ︽ᠠᠯᠠᠱᠠ ᠶᠢᠨ ᠣᠯᠠᠨ ᠤᠯᠤᠰ ᠤᠨ ᠵᠢᠭᠤᠯᠴᠢᠯᠠᠯ ᠤᠨ ᠬᠠᠷᠠᠯᠲᠠᠲᠤ ᠣᠷᠣᠨ︾ ᠢ ᠡᠷᠴᠢᠮᠲᠡᠢ ᠪᠤᠢ ᠪᠣᠯᠭᠠᠨ᠎ᠠ᠃ᠠᠮᠢ ᠠᠬᠤᠢ ᠶᠢᠨ ᠣᠨᠴᠠᠯᠢᠭᠲᠤ ᠠᠵᠤ ᠦᠢᠯᠡᠰ ᠢ ᠡᠷᠴᠢᠮᠵᠢᠭᠦᠯᠦᠨ ᠬᠥᠭᠵᠢᠭᠦᠯᠬᠦ ᠶᠢ ᠳᠠᠮᠵᠢᠨ᠎ᠠ᠃ ᠠᠮᠢ ᠠᠬᠤᠢ ᠶᠢᠨ ᠠᠵᠤ ᠦᠢᠯᠡᠰ ᠤᠨ ᠰᠢᠨᠵᠢᠯᠡᠭᠡ ᠮᠡᠷᠭᠡᠵᠢᠯ ᠤᠨ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠪᠠ ᠢᠵᠢ ᠪᠦᠷᠢᠳᠦᠭᠦᠯᠬᠦ ᠴᠢᠳᠠᠮᠵᠢ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠠᠮᠢ ᠠᠬᠤᠶ ᠶᠢᠨ ᠠᠵᠤ ᠦᠢᠯᠡᠰ ᠤᠨ ᠲᠥᠪᠯᠡᠷᠡᠩᠭᠦᠶ ᠡᠷᠴᠢᠮᠲᠡᠢ ᠬᠥᠭᠵᠢᠯᠲᠡ ᠶᠢ ᠳᠡᠮᠵᠢᠨ᠎ᠡ᠃ ︽ᠰᠢᠨᠵᠢᠯᠡᠭᠡ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠦᠢᠯᠡᠳᠪᠦᠷᠢᠯᠡᠯ ᠰᠤᠷᠭᠠᠭᠤᠯᠢ ᠰᠤᠳᠤᠯᠭ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠠᠵᠤ ᠠᠬᠤᠶᠢᠯᠠᠯ + ᠰᠠᠭᠤᠷᠢᠨ ᠭᠠᠵᠠᠷ + ᠰᠢᠨᠵᠢᠯᠡᠬᠦ ᠤᠬᠠᠭᠠᠨ ᠤ ᠰᠤᠳᠤᠯᠭ᠎ᠠ + ᠮᠠᠯᠴᠢᠨ ᠲᠠᠷᠢᠶᠠᠴᠢᠨ ᠤ ᠬᠤᠷᠰᠢᠶᠠᠵᠢᠯ︾ ᠤᠨ ᠬᠥᠭᠵᠢᠯᠲᠡ ᠶᠢᠨ ᠵᠠᠭᠪᠤᠷ ᠢ ᠥᠷᠭᠡᠨ ᠢᠶᠠᠷ ᠬᠡᠷᠡᠭᠵᠢᠭᠦᠯᠵᠦ᠂ ᠰᠢᠨᠵᠢᠯᠡᠭᠡ ᠮᠡᠷᠭᠡᠵᠢᠯ ᠤᠨ ᠰᠢᠨ᠎ᠡ ᠶᠢ ᠡᠭᠦᠳᠬᠦ ᠪᠠ ᠲᠤᠷᠰᠢᠯᠲᠠ ᠶᠢᠨ ᠦᠷ᠎ᠡ ᠪᠦᠲᠦᠭᠡᠯ ᠢ ᠪᠣᠳᠠᠲᠠᠢ ᠦᠢᠯᠡᠳᠪᠦᠷᠢᠯᠡᠯ ᠤᠨ ᠬᠦᠴᠦᠨ ᠳᠠᠰᠢ ᠬᠤᠪᠢᠷᠠᠭᠤᠯᠬᠤ ᠡᠷᠴᠢᠮ ᠢ ᠴᠢᠩᠭᠠᠳᠬᠠᠨ᠎ᠠ᠃ ᠬᠤᠩ ᠺᠦᠶ᠂ ᠲᠦᠸᠧ ᠵᠦᠩ ᠸᠠᠩ ᠵᠡᠷᠭᠡ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠵᠦ᠂ ᠠᠵᠤ ᠠᠬᠤᠶ ᠶᠢᠨ ᠰᠢᠨ᠎ᠡ ᠥᠰᠦᠯᠲᠡ ᠶᠢᠨ ᠴᠡᠭ ᠤᠳ ᠢ ᠪᠤᠢ ᠪᠣᠯᠭᠠᠬᠤ ᠳᠤ ᠳᠡᠮᠵᠢᠯᠭᠡ ᠦᠵᠡᠭᠦᠯᠦᠨ᠎ᠡ᠃ᠴᠡᠷᠢᠭ ᠠᠷᠠᠳ ᠤᠨ ᠬᠠᠮᠲᠤᠷᠠᠯᠴᠠᠭᠰᠠᠨ ᠠᠵᠤ ᠦᠢᠯᠡᠰ ᠢ ᠬᠥᠭᠵᠢᠭᠦᠯᠬᠦ ᠶᠢ ᠠᠬᠢᠭᠤᠯᠤᠨ᠎ᠠ᠃ ᠰᠢᠨᠵᠢᠯᠡᠭᠡ ᠮᠡᠷᠭᠡᠵᠢᠯ ᠤᠨ ᠰᠤᠳᠤᠯᠭ᠎ᠠ᠂ ᠳᠡᠭᠡᠳᠦ ᠲᠡᠰ ᠤᠨ ᠲᠣᠨᠤᠭ ᠲᠥᠬᠦᠭᠡᠷᠦᠮᠵᠢ ᠦᠢᠯᠡᠳᠬᠦ᠂ ᠦᠢᠯᠡᠴᠢᠯᠡᠭᠡᠨ ᠤ ᠪᠠᠲᠤᠯᠠᠭ᠎ᠠ ᠶᠢ ᠴᠣᠭᠴᠠᠵᠢᠭᠤᠯᠤᠭᠰᠠᠨ ᠴᠡᠷᠢᠭ ᠠᠷᠠᠳ ᠤᠨ ᠬᠠᠮᠲᠤᠷᠠᠯᠴᠠᠭᠰᠠᠨ ᠠᠵᠤ ᠦᠢᠯᠡᠰ ᠢ ᠢᠳᠡᠪᠬᠢᠲᠡᠢ ᠪᠠᠶᠢᠭᠤᠯᠤᠨ᠎ᠠ᠃ ᠤᠯᠤᠰ ᠤᠨ ᠲᠡᠰ ᠤᠨ ᠣᠨᠴᠠᠯᠢᠭ ᠪᠦᠬᠦᠢ ᠴᠡᠷᠢᠭ ᠠᠷᠠᠳ ᠤᠨ ᠬᠠᠮᠲᠤᠷᠠᠯᠴᠠᠨ ᠬᠥᠭᠵᠢᠭᠦᠯᠬᠦ ᠵᠢᠱᠢᠶᠡᠴᠢ ᠣᠷᠣᠨ ᠪᠠ ᠡᠩ ᠤᠨ ᠵᠡᠪᠰᠡᠭ ᠤᠨ ᠲᠤᠷᠰᠢᠯᠲᠠ ᠶᠢᠨ ᠲᠠᠯᠠᠪᠤᠷ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ︽ᠳᠤᠮᠳᠠᠳᠤ ᠤᠯᠤᠰ · ᠠᠯᠠᠱᠠ ᠶᠢᠨ ᠣᠯᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠠᠵᠢᠯ ᠤᠨ ᠦᠵᠡᠰᠬᠦᠯᠡᠩ︾ ᠢ ᠢᠳᠡᠪᠬᠢᠲᠡᠢ ᠪᠠᠷ ᠡᠷᠡᠮᠡᠯᠵᠡᠯᠡᠨ ᠮᠡᠳᠡᠭᠦᠯᠵᠦ᠂ ᠰᠠᠭᠠᠳ ᠳᠠᠪᠠᠭ᠋ᠤ — 2020 ᠣᠶᠣᠨᠴᠢ ᠵᠢᠯᠣᠭᠤᠴᠢ ᠥᠬᠡᠶ ᠮᠠᠰᠢᠨ ᠲᠡᠷᠭᠡᠨ ᠤ ᠨᠡᠶᠢᠲᠡ ᠶᠢᠨ ᠤᠷᠤᠯᠳᠤᠭᠠᠨ ᠢ ᠬᠠᠪᠰᠤᠷᠤᠨ ᠡᠷᠬᠢᠯᠡᠬᠦ ᠪᠣᠯᠣᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠭᠡ ᠮᠡᠷᠭᠡᠵᠢᠯ ᠤᠨ ᠠᠵᠤ ᠦᠢᠯᠡᠰ ᠤᠨ ᠬᠦᠷᠢᠶᠡᠯᠡᠩ ᠤᠨ ᠪᠠᠷᠠᠭᠤᠨ ᠰᠠᠭᠤᠷᠢᠨ ᠭᠠᠵᠠᠷ ᠪᠠ ᠲᠡᠶᠢᠷᠦᠯᠲᠦ ᠰᠤᠮᠤ ᠶᠢᠨ ᠭᠤᠯᠭᠤᠭᠤᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠡᠷᠢᠭ ᠠᠷᠠᠳ ᠤᠨ ᠡᠯᠡᠰᠦᠨ ᠤ ᠬᠡᠭᠡᠷ᠎ᠡ ᠶᠢᠨ ᠮᠠᠰᠢᠨ ᠲᠡᠷᠭᠡᠨ ᠤ ᠲᠤᠷᠰᠢᠯᠲᠠ ᠶᠢᠨ ᠲᠠᠯᠠᠪᠤᠷ᠂ ᠵᠢᠯᠣᠭᠤᠴᠢ ᠥᠬᠡᠶ ᠨᠢᠰᠬᠡᠯ ᠤᠨ ᠲᠤᠷᠰᠢᠯᠲᠠ ᠶᠢᠨ ᠪᠡᠶᠡᠴᠢᠯᠡᠨ ᠣᠶᠢᠯᠠᠭᠠᠬᠤ ᠵᠡᠷᠭᠡ ᠲᠥᠷᠥᠯ ᠵᠦᠢᠯ ᠤᠳ ᠢ ᠠᠬᠢᠭᠤᠯᠤᠨ᠎ᠠ᠃ ᠴᠡᠷᠢᠭ ᠠᠩᠭᠢ ᠪᠠ ᠣᠷᠣᠨ ᠨᠤᠲᠤᠭ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ᠨᠢᠰᠬᠡᠯ ᠢᠶᠠᠷ ᠣᠶᠢᠵᠢᠭᠤᠯᠬᠤ ᠨᠡᠶᠢᠲᠡᠯᠢᠭ ᠵᠢᠱᠢᠶ᠎ᠡ ᠶᠢ ᠪᠤᠢ ᠪᠤᠯᠭᠠᠵᠤ᠂ ᠠᠯᠠᠱᠠ ᠵᠡᠭᠦᠨ ᠬᠤᠰᠢᠭᠤᠨ ᠤ ᠴᠡᠷᠢᠭ ᠠᠷᠠᠳ ᠤᠨ ᠬᠠᠮᠲᠤᠷᠠᠯᠴᠠᠨ ᠬᠥᠭᠵᠢᠬᠦ ᠨᠡᠷ᠎ᠡ ᠠᠯᠳᠠᠷᠰᠢᠯ ᠢ ᠨᠡᠮᠡᠭᠳᠡᠭᠦᠯᠦᠨ᠎ᠡ᠃︵ᠭᠤᠷᠪᠠ︶ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠬᠥᠭᠵᠢᠯᠲᠡ ᠶᠢᠨ ᠳᠠᠭᠠᠭᠠᠮᠠᠭᠠᠢ ᠲᠠᠯ᠎ᠠ ᠶᠢ ᠤᠯᠠᠮ ᠳᠡᠭᠡᠭᠰᠢᠯᠡᠭᠦᠯᠦᠨ᠎ᠡᠠᠷᠠᠯᠵᠢᠶᠠᠴᠢᠨ ᠤᠷᠢᠵᠤ ᠬᠥᠷᠥᠩᠭᠡ ᠣᠷᠣᠭᠤᠯᠬᠤ ᠠᠵᠢᠯᠯᠠᠭ᠎ᠠ ᠶᠢ ᠡᠷᠴᠢᠮᠲᠠᠢ ᠥᠷᠨᠢᠭᠦᠯᠦᠨ᠎ᠡ᠃ ᠣᠯᠠᠨᠪᠤᠯᠠᠭ ᠤᠨ ᠬᠢᠯᠢ ᠶᠢᠨ ᠠᠵᠤ ᠠᠬᠤᠶ ᠶᠢᠨ ᠬᠠᠮᠵᠢᠯᠴᠠᠭᠠᠨ ᠤ ᠰᠢᠨ᠎ᠡ ᠠᠵᠤ ᠦᠢᠯᠡᠰ ᠤᠨ ᠰᠠᠭᠤᠷᠢᠨ ᠭᠠᠵᠠᠷ᠂ ᠥᠯᠵᠡᠶ ᠪᠣᠭᠤᠮᠲᠠ ᠂ ᠪᠠᠶᠠᠨᠬᠤᠲᠠ ᠶᠢᠨ ᠡᠷᠭᠢᠨ ᠲᠣᠭᠤᠷᠢᠨ ᠤ ᠠᠵᠤ ᠦᠢᠯᠡᠰ ᠤᠨ ᠪᠠᠶᠢᠷᠢᠯᠠᠭᠤᠯᠤᠯᠲᠠ ᠪᠣᠯᠤᠨ ᠣᠷᠣᠨ ᠪᠦᠰᠡ ᠶᠢᠨ ᠳᠠᠪᠠᠭᠤᠯᠢᠭ ᠲᠤ ᠲᠦᠰᠢᠭᠯᠡᠨ᠂ ᠴᠡᠪᠡᠷ ᠡᠨᠧᠷᠭᠢ᠂ ᠲᠣᠨᠤᠭ ᠲᠥᠬᠦᠭᠡᠷᠦᠮᠵᠢ ᠦᠢᠯᠡᠳᠬᠦ᠂ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠᠯᠳᠤᠭᠠᠨ ᠤ ᠪᠠᠷᠠᠭ᠎ᠠ ᠶᠢᠨ ᠭᠦᠢᠯᠭᠡᠭᠡ᠂ ᠠᠮᠢ ᠠᠬᠤᠢ ᠶᠢᠨ ᠡᠷᠡᠭᠦᠯ ᠮᠡᠨᠳᠦ ᠵᠡᠷᠭᠡ ᠠᠵᠤ ᠦᠢᠯᠡᠰ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠬᠥᠷᠥᠩᠭᠡ ᠣᠷᠣᠭᠤᠯᠬᠤ ᠡᠷᠴᠢᠮ ᠢᠶᠠᠨ ᠴᠢᠩᠭᠠᠳᠬᠠᠵᠤ᠂ ᠬᠠᠮᠲᠤ ᠶᠢᠨ ᠬᠡᠯᠬᠢᠶ᠎ᠡ ᠬᠤᠯᠪᠣᠭ᠎ᠠ ᠶᠢ ᠴᠢᠩᠭᠠᠳᠬᠠᠵᠤ᠂ ᠬᠦᠷᠦᠯᠴᠡᠬᠦ ᠦᠭᠡᠢ ᠲᠠᠯ᠎ᠠ ᠪᠠᠨ ᠨᠥᠬᠦᠪᠥᠷᠢᠯᠡᠬᠦ ᠠᠵᠢᠯ ᠢ ᠡᠷᠴᠢᠮᠲᠡᠢ ᠰᠠᠶᠢᠨ ᠬᠢᠨ᠎ᠡ᠃ᠲᠥᠷᠥᠯ ᠵᠦᠢᠯ ᠤᠨ ᠬᠡᠷᠡᠭᠵᠢᠭᠦᠯᠦᠯᠲᠡ ᠶᠢ ᠯᠠᠪᠳᠠᠭᠤᠨ ᠢᠶᠠᠷ ᠠᠬᠢᠭᠤᠯᠤᠨ᠎ᠠ᠃ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ︽ᠴᠢᠬᠤᠯᠠ ᠲᠥᠷᠥᠯ ᠵᠦᠢᠯ ᠤᠨ ᠬᠠᠷᠢᠭᠤᠴᠠᠯᠭ᠎ᠠ ᠶᠢᠨ ᠨᠠᠷᠢᠨ ᠳᠠᠩᠰᠠ︾ ᠲᠠᠢ ᠬᠠᠷᠭᠤᠭᠤᠯᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠠᠵᠢᠯ ᠳᠠᠭᠤᠰᠴᠤ ᠰᠢᠯᠭᠠᠨ ᠠᠪᠬᠤ ᠵᠡᠷᠭᠡ ᠳᠦᠷᠢᠮ ᠢ ᠴᠢᠩᠭ᠎ᠠ ᠬᠡᠷᠡᠭᠵᠢᠭᠦᠯᠵᠦ᠂ ᠲᠥᠷᠥᠯ ᠵᠦᠢᠯ ᠤᠨ ᠶᠠᠪᠤᠴᠠ ᠨᠢ ᠵᠢᠷᠤᠮᠵᠢᠯ ᠲᠠᠢ᠂ ᠭᠠᠷᠳᠠᠮ ᠨᠢ ᠪᠦᠷᠢᠨ ᠭᠦᠢᠴᠡᠳ᠂ ᠴᠢᠨᠠᠷ ᠤᠨ ᠪᠠᠷᠢᠮᠵᠢᠶ᠎ᠠ ᠳᠤ ᠬᠦᠷᠬᠦ ᠶᠢ ᠦᠨᠡᠨᠬᠦ ᠪᠠᠲᠤᠯᠠᠨ᠎ᠠ᠃ ᠰᠢᠨ᠎ᠡ ᠶᠢ ᠡᠭᠦᠳᠴᠦ ᠦᠢᠯᠡᠰ ᠴᠣᠭᠴᠠᠯᠠᠬᠤ᠂ ᠶᠠᠳᠠᠭᠤᠷᠠᠯ ᠠᠴᠠ ᠠᠩᠭᠢᠵᠢᠷᠠᠭᠤᠯᠬᠤ ᠪᠣᠭᠤᠮᠲᠠ ᠶᠢ ᠢᠯᠠᠨ ᠳᠠᠪᠠᠭ᠋ᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠲᠥᠷᠥ ᠶᠢᠨ ᠪᠣᠳᠣᠯᠭ᠎ᠠ ᠶᠢᠨ ᠬᠠᠨᠳᠤᠰᠢ ᠳᠤ ᠠᠩᠬᠠᠷᠤᠯ ᠢᠶᠠᠨ ᠬᠠᠨᠳᠤᠭᠤᠯᠵᠤ᠂ ᠲᠥᠷᠥᠯ ᠵᠦᠢᠯ ᠢ ᠲᠥᠰᠦᠪᠯᠡᠬᠦ᠂ ᠨᠤᠲᠠᠯᠠᠬᠤ ᠪᠠ ᠨᠥᠭᠡᠴᠡᠯᠡᠬᠦ ᠠᠵᠢᠯ ᠢ ᠰᠠᠶᠢᠲᠤᠷ ᠬᠢᠵᠦ᠂ ᠪᠦᠬᠦ ᠵᠢᠯ ᠳᠤ 129 ᠲᠥᠷᠥᠯ ᠵᠦᠢᠯ ᠢ ᠰᠢᠨ᠎ᠡ ᠪᠠᠷ ᠨᠥᠭᠡᠴᠡᠯᠡᠬᠦ ᠪᠠᠷ ᠴᠢᠷᠮᠠᠶᠢᠵᠤ᠂ 11 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠮᠥᠩᠭᠦ ᠶᠢ ᠡᠷᠡᠮᠡᠯᠵᠡᠯᠡᠨ ᠣᠯᠬᠤ ᠪᠠᠷ ᠴᠢᠷᠮᠠᠶᠢᠨ᠎ᠠ᠃ ᠲᠥᠷᠥᠯ ᠵᠦᠢᠯ ᠤᠨ ᠳᠠᠭᠠᠯᠲᠠ ᠦᠢᠯᠡᠴᠢᠯᠡᠭᠡ ᠶᠢ ᠲᠡᠭᠦᠯᠳᠡᠷᠵᠢᠭᠦᠯᠵᠦ᠂ ᠠᠵᠤ ᠠᠬᠤᠶᠢᠯᠠᠯ ᠳᠤ ᠲᠤᠯᠭᠠᠷᠠᠵᠤ ᠪᠠᠶᠢᠭ᠎ᠠ ᠬᠦᠴᠢᠷ ᠪᠡᠷᠬᠡᠰᠢᠶᠡᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠵᠦ ᠥᠭᠭᠦᠨ᠎ᠡ᠃ ᠪᠠᠶᠠᠨᠬᠤᠲᠠ ᠠᠴᠠ ᠢᠷᠭᠠᠢ ᠬᠦᠷᠬᠦ ᠲᠡᠮᠦᠷ ᠵᠠᠮ ᠵᠡᠷᠭᠡ 56 ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠥᠯᠵᠡᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ 37 ᠦᠷᠭᠦᠯᠵᠢᠯᠡᠨ ᠪᠠᠶᠢᠭᠤᠯᠬᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ᠠᠵᠤ ᠠᠬᠤᠶᠢᠯᠠᠯ ᠢ ᠲᠣᠭᠲᠠᠪᠤᠷᠢᠵᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ᠠᠵᠤ ᠠᠬᠤᠶᠢᠯᠠᠯ ᠤᠨ ᠠᠵᠢᠯ ᠦᠢᠯᠡᠳᠪᠦᠷᠢᠯᠡᠯ ᠢᠶᠠᠨ ᠠᠯᠢ ᠪᠣᠯᠬᠤ ᠪᠠᠷ ᠬᠤᠷᠳᠤᠨ ᠡᠬᠢᠯᠡᠭᠦᠯᠬᠦ ᠳᠤᠨᠢ ᠬᠠᠪᠰᠤᠷᠤᠨ ᠲᠤᠰᠠᠯᠠᠨ᠎ᠠ᠃ ᠬᠢᠵᠢᠭ ᠤᠨ ᠬᠠᠯᠳᠠᠪᠤᠷᠢ ᠳᠤ ᠨᠥᠯᠥᠭᠡᠯᠡᠭᠳᠡᠨ ᠦᠢᠯᠡᠳᠪᠦᠷᠢᠯᠡᠯ ᠡᠵᠡᠩᠨᠡᠯᠲᠡ ᠨᠢ ᠬᠦᠴᠢᠷᠳᠡᠯᠲᠡᠶ ᠠᠵᠤ ᠠᠬᠤᠶᠢᠯᠠᠯ ᠤᠨ ᠴᠠᠬᠢᠯᠭᠠᠨ ᠤ ᠬᠡᠷᠡᠭᠯᠡᠭᠡ ᠶᠢ ︽ᠰᠦᠢᠳᠬᠡᠯ ᠥᠷᠢᠲᠦᠭᠰᠡᠨ ᠴᠤ ᠴᠠᠬᠢᠯᠭᠠᠨ ᠢ ᠨᠢ ᠵᠣᠭᠰᠣᠭᠠᠬᠤ ᠦᠭᠡᠢ︾᠂ ᠴᠠᠬᠢᠯᠭᠠᠨ ᠤ ᠰᠦᠢᠳᠬᠡᠯ ᠤᠨ ᠬᠤᠭᠤᠴᠠᠭ᠎ᠠ ᠰᠠᠭᠠᠲᠠᠭᠰᠠᠨ ᠲᠥᠯᠥᠪᠦᠷᠢ ᠶᠢ ᠬᠡᠯᠲᠦᠷᠢᠭᠦᠯᠵᠦ᠂ ᠠᠵᠢᠯᠲᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠢ ᠨᠢ ᠬᠠᠭᠠᠰ ᠢᠶᠠᠷ ᠬᠥᠩᠭᠡᠯᠡᠬᠦ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠎ᠡ᠃ ︽ᠠᠵᠤ ᠠᠬᠤᠶᠢᠯᠠᠯ ᠳᠤ ᠬᠠᠯᠠᠮᠵᠢ ᠬᠦᠷᠲᠡᠭᠡᠬᠦ ᠠᠵᠢᠯᠯᠠᠭ᠎ᠠ︾ ᠶᠢ ᠦᠷᠭᠦᠯᠵᠢᠯᠡᠨ ᠡᠷᠴᠢᠮᠲᠡᠢ ᠥᠷᠨᠢᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠠᠬᠢᠭᠤᠯᠤᠨ᠎ᠠ᠃ ︽ᠵᠠᠰᠠᠭ᠂ ᠪᠠᠩᠬᠢ᠂ ᠠᠵᠤ ᠠᠬᠤᠶᠢᠯᠠᠯ︾ ᠤᠨ ᠬᠠᠮᠲᠤᠷᠠᠯᠴᠠᠭ᠎ᠠ ᠶᠢ ᠴᠢᠩᠭᠠᠳᠬᠠᠵᠤ᠂ ︽ᠪᠠᠯᠠ ᠬᠤᠷᠠᠮᠳᠤᠭᠤᠯᠬᠤ ᠳᠤ ᠲᠦᠪᠡᠭᠲᠡᠢ᠂ ᠪᠠᠯᠠ ᠬᠤᠷᠠᠮᠳᠤᠭᠤᠯᠬᠤ ᠳᠤ ᠦᠨᠡᠲᠡᠶ︾ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠨ᠎ᠡ᠃ ᠠᠷᠠᠳ ᠤᠨ ᠬᠥᠷᠥᠩᠭᠡ ᠶᠢ ᠬᠠᠮᠲᠤᠷᠠᠭᠤᠯᠬᠤ ᠥᠮᠴᠢᠯᠡᠯ ᠤᠨ ᠳᠦᠷᠢᠮ᠂ ᠳᠠᠭᠠᠭᠠᠴᠢᠯᠠᠯᠲᠠ ᠬᠢᠵᠦ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢ ᠠᠪᠴᠤ᠂ ᠵᠠᠰᠠᠭ ᠤᠨ ᠣᠷᠳᠣᠨ ᠪᠣᠯᠤᠨ ᠨᠡᠶᠢᠭᠡᠮ ᠤᠨ ᠬᠥᠷᠥᠩᠭᠡ ᠶᠢᠨ ᠬᠠᠮᠲᠤᠷᠠᠯᠴᠠᠭᠠᠨ ᠤ ᠲᠥᠷᠥᠯ ᠵᠦᠢᠯ ᠳᠤ ᠣᠷᠣᠯᠴᠠᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠶ᠂ ᠪᠤᠳᠠᠲᠤ ᠴᠣᠭᠴᠠ ᠶᠢᠨ ᠠᠵᠤ ᠠᠬᠤᠶ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠵᠤ ᠥᠭᠭᠦᠨ᠎ᠡ᠃
 
ᠢᠷᠡᠯᠲᠡ᠄ ᠲᠣᠰ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号