| | ︵ᠳᠥᠷᠪᠡ︶ ᠥᠭᠡᠷᠡᠴᠢᠯᠡᠯᠲᠡ ᠨᠡᠭᠡᠭᠡᠯᠲᠡ ᠶᠢ ᠢᠮᠠᠭᠲᠠ ᠪᠠᠷᠢᠮᠲᠠᠯᠠᠵᠤ᠂ ᠬᠥᠭᠵᠢᠯᠲᠡ ᠶᠢᠨ ᠢᠳᠡᠪᠬᠢᠵᠢᠯ ᠢ ᠤᠯᠠᠮ | ᠰᠠᠶᠢᠵᠢᠷᠠᠭᠤᠯᠤᠨ᠎ᠠ | ᠭᠤᠤᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠦᠷᠭᠦᠯᠵᠢᠯᠡᠨ ᠴᠢᠩᠭᠠᠳᠬᠠᠨ᠎ᠠ᠃ ᠠᠵᠢᠯ ᠦᠢᠯᠡᠰ ᠤᠨ ᠨᠢᠭᠡᠴᠡ ᠶᠢᠨ | ᠪᠠᠶᠢᠭᠤᠯᠤᠮᠵᠢ ᠶᠢᠨ ᠥᠭᠡᠷᠡᠴᠢᠯᠡᠯᠲᠡ ᠪᠣᠯᠤᠨ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ ᠥᠭᠡᠷᠡᠴᠢᠯᠡᠯᠲᠡ ᠶᠢ | ᠪᠦᠷᠢᠨ ᠨᠠᠶᠢᠳᠠᠪᠤᠷᠢᠵᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠠᠵᠤ ᠠᠬᠤᠢ ᠶᠢᠨ ᠥᠮᠴᠢᠯᠡᠬᠦ | ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠡᠷᠴᠢᠮᠵᠢᠭᠦᠯᠵᠦ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠬᠢᠨᠠᠨ ᠵᠥᠪᠰᠢᠶᠡᠷᠡᠬᠦ ᠳᠦᠷᠢᠮ ᠤᠨ ᠥᠭᠡᠷᠡᠴᠢᠯᠡᠯᠲᠡ ᠪᠠ ︽ᠵᠠᠰᠠᠭ ᠤᠨ ᠶᠠᠪᠤᠳᠠᠯ ᠤᠨ ᠴᠣᠭᠴᠠᠵᠢᠭᠤᠯᠤᠭᠰᠠᠨ | ᠦᠢᠯᠡᠴᠢᠯᠡᠭᠡᠨ ᠤ ᠲᠠᠪᠴᠠᠩ︾ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠦᠷ᠎ᠡ ᠪᠦᠲᠦᠮᠵᠢ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠢᠷᠢ ᠲᠦᠪᠰᠢᠨ ᠤ | ᠳᠡᠭᠡᠭᠰᠢᠯᠡᠯᠲᠡ ᠶᠢ ᠪᠦᠷᠢᠨ ᠠᠬᠢᠭᠤᠯᠤᠨ᠎ᠠ᠃ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ + ᠬᠢᠨᠠᠯᠲᠠ | ᠬᠠᠮᠢᠶᠠᠷᠤᠯᠲᠠ︾ ᠶᠢᠨ ᠠᠬᠢᠴᠠ ᠶᠢ ᠴᠢᠩᠭᠠᠳᠬᠠᠵᠤ᠂ ᠵᠠᠰᠠᠭ ᠤᠨ ᠶᠠᠪᠤᠳᠠᠯ ᠢ ᠣᠯᠠᠨ ᠲᠠᠯ᠎ᠠ ᠪᠠᠷ ᠢᠯᠡ ᠪᠣᠯᠭᠠᠨ᠎ᠠ᠃ | ᠤᠯᠤᠰ ᠤᠨ ᠥᠮᠴᠢᠯᠡᠯᠲᠦ ᠡᠳ᠋ ᠬᠥᠷᠥᠩᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠲᠦᠷᠭᠡᠳᠬᠡᠵᠦ᠂ ᠤᠯᠤᠰ ᠤᠨ ᠥᠮᠴᠢᠯᠡᠯᠲᠦ ᠬᠥᠷᠥᠩᠭᠡ ᠶᠢᠨ ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ | ᠲᠣᠬᠢᠷᠠᠭᠤᠯᠬᠤ ᠶᠢ ᠠᠬᠢᠭᠤᠯᠵᠤ᠂ ᠰᠤᠯᠠ ᠪᠠᠶᠢᠭ᠎ᠠ ᠤᠯᠤᠰ ᠤᠨ ᠥᠮᠴᠢᠯᠡᠯᠲᠤ ᠡᠳ᠋ ᠬᠥᠷᠥᠩᠭᠡ ᠶᠢ ᠡᠷᠭᠢᠯᠲᠡ ᠳᠤ | ᠣᠷᠣᠭᠤᠯᠵᠤ᠂ ᠬᠥᠷᠥᠩᠭᠡ ᠶᠢ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠭᠠᠳᠠᠭᠰᠢ ᠨᠡᠭᠡᠭᠡᠯᠲᠡ ᠬᠢᠬᠦ ᠶᠢ ᠲᠠᠰᠤᠷᠠᠯᠲᠠ ᠦᠭᠡᠢ ᠥᠷᠭᠡᠳᠬᠡᠨ᠎ᠡ᠃ ︽ᠨᠢᠭᠡ ᠪᠦᠰᠡ ᠨᠢᠭᠡ ᠵᠠᠮ︾ ᠪᠣᠯᠤᠨ | ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠳᠤ ᠢᠳᠡᠪᠬᠢᠲᠡᠶ | ᠣᠷᠣᠯᠴᠠᠵᠤ᠂ ᠤᠮᠠᠷᠠᠰᠢ ᠨᠡᠭᠡᠭᠡᠯᠲᠡ ᠬᠢᠬᠦ ᠬᠤᠯᠪᠣᠭᠠᠰᠤ ᠦᠢᠯᠡᠳᠦᠯ ᠢ ᠰᠠᠶᠢᠲᠤᠷ ᠪᠠᠳᠠᠷᠠᠭᠤᠯᠤᠨ᠎ᠠ᠃ 6 | ᠳ᠋ᠦᠩᠰᠢᠭᠤᠷ ᠲᠥᠭᠦᠷᠢᠭ ᠤᠨ ᠬᠥᠷᠥᠩᠭᠡ ᠣᠷᠣᠭᠤᠯᠬᠤ ᠪᠠᠷ ᠲᠥᠯᠥᠪᠯᠡᠵᠦ᠂ ᠥᠯᠵᠡᠶ ᠪᠣᠭᠤᠮᠲᠠ ᠶᠢᠨ ᠰᠠᠭᠤᠷᠢ | ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠣᠯᠤᠨ ᠮᠣᠩᠭᠤᠯ ᠤᠨ ᠬᠠᠮᠲᠤᠷᠠᠭᠰᠠᠨ ᠰᠢᠯᠭᠠᠨ ᠪᠠᠶᠢᠴᠠᠭᠠᠬᠤ | ᠪᠦᠰᠡ ᠶᠢ ᠲᠤᠰᠠᠯᠠᠨ ᠪᠠᠶᠢᠭᠤᠯᠬᠤ ᠶᠢ ᠲᠦᠯᠬᠢᠨ ᠠᠬᠢᠭᠤᠯᠵᠤ᠂ ᠥᠯᠵᠡᠶ ᠪᠣᠭᠤᠮᠲᠠ ᠶᠢᠨ ᠲᠦᠷ ᠨᠡᠪᠲᠡᠷᠡᠬᠦ | ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠎ᠡ᠃ ᠥᠨᠥ ᠵᠢᠯ ᠲᠦᠷ ᠨᠡᠪᠲᠡᠷᠡᠬᠦ ᠶᠢ | ᠪᠡᠶᠡᠯᠡᠭᠦᠯᠬᠦ ᠪᠠᠷ ᠴᠢᠷᠮᠠᠶᠢᠨ᠎ᠠ᠃ ᠣᠶᠢᠷ᠎ᠠ ᠲᠣᠭᠤᠷᠢᠨ ᠤ ᠭᠠᠵᠠᠷ ᠣᠷᠣᠨ ᠲᠠᠢ ᠬᠠᠮᠲᠤᠷᠠᠨ ᠠᠵᠢᠯᠯᠠᠬᠤ ᠡᠷᠴᠢᠮ ᠢᠶᠠᠨ | ᠴᠢᠩᠭᠠᠳᠬᠠᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠬᠥᠭᠵᠢᠯᠲᠡ᠂ ᠠᠭᠤᠷᠬᠠᠶ ᠶᠢᠨ ᠭᠠᠷᠤᠯᠲᠠ ᠶᠢᠨ ᠡᠬᠢ | ᠪᠠᠶᠠᠯᠢᠭ ᠢ ᠪᠣᠯᠪᠠᠰᠤᠷᠠᠭᠤᠯᠬᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠪᠣᠯᠤᠨ ᠵᠢᠭᠤᠯᠴᠢᠯᠠᠯ ᠤᠨ ᠠᠵᠤ | ᠦᠢᠯᠡᠰ ᠤᠨ ᠬᠥᠭᠵᠢᠯᠲᠡ ᠵᠡᠷᠭᠡ ᠲᠠᠯ᠎ᠠ ᠪᠠᠷ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠵᠦ᠂ ᠬᠠᠮᠵᠢᠯᠴᠠᠨ | ᠰᠢᠨ᠎ᠡ ᠶᠢ ᠡᠭᠦᠳᠬᠦ ᠶᠢ ᠪᠡᠶᠡᠯᠡᠭᠦᠯᠦᠨ᠎ᠡ᠃ ᠪᠦᠰᠡ ᠨᠤᠲᠤᠭ ᠤᠨ ᠬᠠᠮᠲᠤᠷᠠᠯᠴᠠᠭᠠᠨ ᠤ ᠰᠢᠨ᠎ᠡ ᠨᠥᠬᠦᠴᠡᠯ ᠪᠠᠶᠢᠳᠠᠯ ᠢ | ᠪᠤᠢ ᠪᠣᠯᠭᠠᠨ᠎ᠠ᠃ | ︵ᠲᠠᠪᠤ︶ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠵᠤ᠂ ᠬᠤᠳᠠ ᠬᠥᠳᠡᠭᠡ ᠶᠢᠨ | ᠬᠠᠮᠲᠤᠷᠠᠯᠴᠠᠨ ᠬᠥᠭᠵᠢᠬᠦ ᠶᠢ ᠠᠬᠢᠭᠤᠯᠤᠨ᠎ᠠ | ᠬᠤᠲᠠ ᠶᠢᠨ ᠴᠢᠳᠠᠮᠵᠢ ᠦᠢᠯᠡᠴᠢᠯᠡᠭᠡᠨ ᠤ ᠴᠢᠨᠰᠠᠭ᠎ᠠ ᠶᠢ ᠳᠡᠭᠡᠭᠰᠢᠯᠡᠭᠦᠯᠦᠨ᠎ᠡ᠃ ᠭᠤᠷᠪᠠᠳᠤᠭᠠᠷ ᠤᠳᠠᠭᠠᠨ ᠤ | ᠤᠯᠤᠰ ᠤᠨ ᠭᠠᠵᠠᠷ ᠰᠢᠷᠣᠶ ᠶᠢᠨ ᠪᠠᠶᠢᠴᠠᠭᠠᠨ ᠰᠤᠳᠤᠯᠤᠯᠲᠠ ᠲᠠᠢ ᠤᠶᠠᠯᠳᠤᠭᠤᠯᠤᠨ᠂ ᠤᠯᠤᠰ ᠤᠨ ᠭᠠᠵᠠᠷ | ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠪᠣᠯᠪᠠᠰᠤᠷᠠᠭᠤᠯᠬᠤ ᠠᠵᠢᠯ ᠢ ᠪᠡᠶᠡᠯᠡᠭᠦᠯᠵᠦ᠂ | ᠭᠠᠵᠠᠷ ᠰᠢᠷᠣᠶ ᠶᠢ ᠨᠢᠭᠡᠳᠦᠯᠲᠡᠶ ᠲᠥᠯᠥᠪᠯᠡᠨ ᠬᠠᠮᠢᠶᠠᠷᠤᠨ ᠬᠢᠵᠠᠭᠠᠷᠯᠠᠬᠤ ᠶᠢ ᠴᠢᠩᠭᠠᠳᠬᠠᠨ᠎ᠠ᠃ 21.3 | ᠳ᠋ᠦᠩᠰᠢᠭᠤᠷ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠵᠦ᠂ SEE ᠠᠮᠢ ᠠᠬᠤᠢ ᠶᠢᠨ ᠡᠨᠧᠷᠭᠢ | ᠠᠷᠪᠢᠯᠠᠬᠤ ᠬᠤᠷᠢᠶᠠᠯᠠᠯ ᠵᠡᠷᠭᠡ 6 ᠣᠷᠣᠨ ᠰᠠᠭᠤᠴᠠ ᠶᠢᠨ ᠲᠥᠷᠥᠯ ᠵᠦᠢᠯ ᠤᠨ ᠪᠦᠲᠦᠭᠡᠨ ᠪᠠᠢᠭᠤᠯᠤᠯᠲᠠ ᠶᠢ | ᠭᠤᠣᠯᠳᠠᠯᠭ᠎ᠠ ᠲᠠᠢ ᠠᠬᠢᠭᠤᠯᠤᠨ᠎ᠠ᠃ 500 ᠪᠦᠷᠢᠨ ᠣᠷᠣᠨ ᠰᠠᠭᠤᠴᠠ ᠶᠢᠨ ᠪᠠᠷᠢᠮᠵᠢᠶᠠᠨ ᠤ ᠨᠥᠬᠦᠴᠡᠯ ᠳᠤ ᠬᠦᠷᠬᠦ | ᠦᠭᠡᠢ ᠬᠠᠭᠤᠴᠢᠨ ᠣᠷᠣᠨ ᠰᠠᠭᠤᠴᠠ ᠨᠤᠭᠤᠳ ᠢ ᠰᠢᠨᠡᠴᠢᠯᠡᠨ ᠰᠠᠶᠢᠵᠢᠷᠠᠭᠤᠯᠵᠤ᠂ 5 ᠵᠤᠷᠪᠤᠰ ᠬᠤᠲᠠ ᠶᠢᠨ ︽ | ᠲᠠᠰᠤᠷᠬᠠᠢ ᠵᠠᠮ︾ ᠢ ᠰᠢᠨᠡᠴᠢᠯᠡᠨ ᠰᠠᠶᠢᠵᠢᠷᠠᠭᠤᠯᠤᠨ᠎ᠠ᠃ ᠪᠠᠶᠠᠨᠬᠤᠲᠠ ᠶᠢᠨ ᠳᠤᠯᠠᠭᠠᠯᠠᠭ᠎ᠠ ᠬᠠᠩᠭᠠᠬᠤ ᠬᠤᠶᠠᠳᠤᠭᠠᠷ | ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ 63 ᠬᠠᠭᠤᠴᠢᠨ ᠰᠠᠭᠤᠭᠠᠯᠢ ᠲᠣᠭᠤᠷᠢᠭ ᠤᠨ ᠲᠤᠯᠠᠭᠠᠯᠠᠭ᠎ᠠ | ᠬᠠᠩᠭᠠᠬᠤ ᠲᠥᠬᠦᠭᠡᠷᠦᠮᠵᠢ ᠶᠢ ᠰᠢᠨᠡᠳᠬᠡᠨ᠎ᠡ᠃ LNG ᠪᠠᠴᠢᠮ ᠪᠠᠶᠢᠳᠠᠯ ᠢ ᠠᠷᠭᠠᠴᠠᠭᠠᠬᠤ ᠬᠡᠢ ᠬᠠᠳᠠᠭᠠᠯᠠᠬᠤ | ᠬᠥᠮᠥᠷᠭᠡ ᠶᠢᠨ ᠠᠵᠢᠯ ᠢ ᠡᠬᠢᠯᠡᠭᠦᠯᠦᠨ ᠪᠠᠶᠢᠭᠤᠯᠵᠤ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠨᠡᠪᠲᠡᠷᠡᠬᠦ ᠲᠣᠤᠷ᠂ | ᠰᠠᠯᠪᠤᠷᠢ ᠲᠣᠤᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠪᠣᠷᠣᠭᠠᠨ ᠤ ᠤᠰᠤ᠂ ᠪᠣᠬᠢᠷ ᠤᠰᠤᠨ ᠤ | ᠬᠤᠭᠤᠯᠠᠢ ᠶᠢ 31 ᠺᠢᠯᠣᠮᠧᠳ᠋ᠷ ᠳᠡᠪᠢᠰᠴᠦ᠂ ᠬᠤᠲᠠ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ | ᠲᠡᠭᠦᠯᠳᠡᠷᠵᠢᠭᠦᠯᠦᠨ᠎ᠡ᠃ ︽ᠵᠢᠷᠭᠤᠭᠠᠨ ᠬᠤᠲᠠ ᠶᠢ ᠬᠠᠮᠲᠤ ᠪᠠᠷ ᠪᠠᠶᠢᠭᠤᠯᠬᠤ︾ ᠪᠠᠷ ᠰᠠᠭᠤᠷᠢ ᠪᠣᠯᠭᠠᠵᠤ᠂ ᠣᠶᠣᠨᠴᠢ | ᠬᠤᠲᠠ ᠶᠢᠨ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠶᠢᠨ ᠨᠠᠷᠢᠯᠢᠭᠵᠢᠭᠤᠯᠤᠭᠰᠠᠨ | ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠲᠦᠷᠦᠯ | ᠬᠤᠪᠢᠶᠠᠬᠤ ᠴᠡᠭ ᠤᠨ ᠠᠵᠢᠯ ᠢ ᠲᠤᠷᠰᠢᠨ ᠡᠬᠢᠯᠡᠭᠦᠯᠵᠦ᠂ ᠤᠯᠠᠨ ᠨᠡᠶᠢᠲᠡ ᠶᠢᠨ ᠡᠬᠢ ᠪᠠᠶᠠᠯᠢᠭ ᠵᠢᠴᠢ ᠢᠵᠢ ᠪᠦᠷᠢᠨ | ᠰᠠᠭᠤᠷᠢ ᠲᠥᠬᠦᠭᠡᠷᠦᠮᠵᠢ ᠶᠢ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ ᠢᠳᠡᠪᠬᠢᠲᠡᠶ ᠠᠬᠢᠭᠤᠯᠤᠨ᠎ᠠ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃ ︽ᠨᠢᠭᠡ ᠶᠠᠪᠤᠳᠠᠯ ᠢ ᠨᠢᠭᠡ | ᠵᠥᠪᠯᠡᠬᠦ︾ ᠡᠳ᠋ ᠤᠨ ᠵᠠᠰᠠᠭ ᠤᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ ᠰᠠᠶᠢᠲᠤᠷ ᠬᠡᠷᠡᠭᠯᠡᠵᠦ᠂ ᠭᠠᠴᠠᠭ᠎ᠠ | ᠲᠣᠰᠬᠤᠨ ᠤ ᠬᠠᠮᠲᠤ ᠶᠢᠨ ᠠᠵᠤ ᠠᠬᠤᠢ ᠶᠢᠨ ᠲᠥᠷᠥᠯ ᠵᠦᠢᠯ ᠢ ᠲᠡᠳᠬᠦᠨ᠎ᠡ᠃ ᠬᠥᠳᠡᠭᠡ ᠲᠣᠰᠬᠤᠨ ᠤ | ᠵᠢᠭᠤᠯᠴᠢᠯᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠴᠡᠭ ᠤᠨ ᠨᠥᠬᠦᠴᠡᠯ | ᠪᠠᠶᠢᠳᠠᠯ ᠢ ᠰᠠᠶᠢᠵᠢᠷᠠᠭᠤᠯᠬᠤ ᠳᠤ ᠬᠦᠴᠦᠨ ᠨᠡᠮᠡᠷᠢᠯᠡᠵᠦ᠂ ᠴᠡᠭ ᠠᠴᠠ ᠪᠥᠬᠦ ᠲᠠᠯ᠎ᠠ ᠳᠤ ᠬᠦᠷᠬᠦ ᠵᠢᠱᠢᠶ᠎ᠡ ᠦᠵᠡᠭᠦᠯᠬᠦ | ᠦᠢᠯᠡᠳᠦᠯ ᠢ ᠪᠦᠷᠢᠯᠳᠦᠭᠦᠯᠦᠨ᠎ᠡ᠃ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ | ᠪᠠᠶᠢᠭᠤᠯᠤᠯ ᠤᠨ ᠥᠭᠡᠷᠡᠴᠢᠯᠡᠯᠲᠡ ᠶᠢ ᠴᠢᠩᠭᠠᠳᠬᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠤᠤᠭᠤᠬᠤ ᠤᠰᠤᠨ ᠤ | ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ | ᠲᠣᠭᠤᠷᠢᠨ ᠢ ᠵᠠᠰᠠᠨ ᠴᠡᠭᠴᠡᠯᠡᠬᠦ ᠭᠤᠷᠪᠠᠨ ᠵᠢᠯ ᠤᠨ ᠠᠵᠢᠯᠯᠠᠭ᠎ᠠ ᠶᠢ ᠡᠷᠴᠢᠮᠲᠠᠢ ᠠᠬᠢᠭᠤᠯᠵᠤ᠂ ᠵᠣᠷᠯᠣᠩ ᠢ | ᠥᠭᠡᠷᠡᠴᠢᠯᠡᠬᠦ ᠡᠭᠦᠷᠭᠡ ᠶᠢ ᠪᠦᠷᠢᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠠᠮᠢᠳᠤᠷᠠᠯ ᠤᠨ ᠬᠤᠭ | ᠨᠣᠪᠰᠢ ᠶᠢ ᠪᠤᠬᠢᠷᠳᠤᠯ ᠦᠭᠡᠢ ᠪᠠᠷ ᠰᠢᠢᠳᠪᠦᠷᠢᠯᠡᠬᠦ ᠪᠠᠶᠢᠩᠭᠤ ᠶᠢᠨ ᠲᠣᠭᠲᠠᠴᠠ ᠶᠢ ᠲᠡᠭᠦᠯᠳᠡᠷᠵᠢᠭᠦᠯᠵᠦ᠂ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠪᠠ ᠬᠥᠮᠦᠰ ᠤᠨ ᠣᠷᠣᠰᠢᠨ ᠰᠠᠭᠤᠬᠤ | ᠣᠷᠴᠢᠨ ᠨᠥᠬᠦᠴᠡᠯ ᠢ ᠵᠠᠰᠠᠨ ᠴᠡᠭᠴᠡᠯᠡᠭᠰᠡᠨ ᠣᠯᠣᠯᠲᠠ ᠠᠮᠵᠢᠯᠲᠠ ᠶᠢ ᠤᠯᠠᠮ ᠪᠠᠲᠤᠳᠬᠠᠨ᠎ᠠ᠃ | ᠰᠠᠭᠤᠷᠢ ᠲᠥᠬᠦᠭᠡᠷᠦᠮᠵᠢ ᠶᠢᠨ ᠪᠠᠲᠤᠯᠠᠭ᠎ᠠ ᠶᠢ ᠴᠢᠩᠭᠠᠳᠬᠠᠨ᠎ᠠ᠃ ᠠᠵᠢᠯ ᠡᠭᠦᠷᠭᠡ ᠭᠦᠢᠴᠡᠳᠬᠡᠬᠦ ᠨᠢᠰᠬᠡᠯ ᠤᠨ | ᠪᠠᠭᠤᠳᠠᠯ ᠢ ᠳᠡᠰ ᠳᠡᠪᠰᠢᠭᠦᠯᠦᠨ ᠨᠡᠪᠲᠡᠷᠡᠬᠦ ᠱᠤᠭᠤᠮ ᠢ ᠨᠡᠮᠡᠬᠦ ᠲᠥᠷᠥᠯ ᠵᠦᠢᠯ ᠢ ᠬᠡᠷᠡᠭᠵᠢᠭᠦᠯᠦᠨ᠎ᠡ᠃ ᠥᠯᠵᠡᠶ | ᠪᠣᠭᠤᠮᠲᠠ ᠠᠴᠠ ᠰᠤᠬᠤᠩᠲᠤ ᠬᠦᠷᠬᠦ᠂ ᠴᠠᠭᠠᠨᠳᠠᠷᠠᠰᠤ ᠠᠴᠠ ᠵᠢᠷᠠᠲᠠᠢ ᠬᠦᠷᠬᠦ᠂ ᠥᠯᠵᠡᠶ ᠪᠣᠭᠤᠮᠲᠠ ᠠᠴᠠ ᠣᠯᠠᠨᠪᠤᠯᠠᠭ | ᠬᠦᠷᠬᠦ᠂ ᠪᠤᠩᠬᠤᠨ ᠠᠴᠠ ᠪᠠᠶᠠᠨᠬᠤᠲᠠ - ᠳᠡᠷᠡᠰᠦᠨ ᠬᠤᠲᠠ ᠬᠦᠷᠬᠦ ᠲᠡᠮᠦᠷ ᠵᠠᠮ ᠢ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠨ᠎ᠠ᠃ ᠪᠠᠶᠠᠨᠬᠤᠲᠠ ᠠᠴᠠ ᠢᠷᠭᠠᠢ ᠬᠦᠷᠬᠦ | ᠲᠡᠮᠦᠷ ᠵᠠᠮ ᠤᠨ ᠲᠠᠲᠠᠪᠤᠷᠢᠯᠠᠬᠤ ᠠᠵᠢᠯ ᠢ ᠪᠡᠶᠡᠯᠡᠭᠦᠯᠵᠦ᠂ G331 ᠬᠤᠶᠢᠲᠤ ᠢᠩᠭᠡᠨ ᠠᠴᠠ ᠵᠠᠮ ᠤᠨ ᠬᠤᠳᠳᠤᠭ | ᠬᠦᠷᠬᠦ ᠭᠤᠷᠪᠠᠳᠤᠭᠠᠷ ᠳᠡᠰ ᠤᠨ ᠵᠠᠰᠠᠮᠠᠯ ᠵᠠᠮ᠂ S315 ᠪᠠᠶᠠᠨᠬᠤᠲᠠ ᠠᠴᠠ ᠲᠡᠮᠡᠭᠡᠲᠦ ︵ᠪᠠᠭᠠᠲᠤᠷᠴᠤᠳ ᠤᠨ | ᠴᠤᠭᠯᠠᠭᠠᠨ ᠤ ᠲᠠᠯᠠᠪᠠᠢ︶ ᠬᠦᠷᠬᠦ ᠵᠠᠰᠠᠮᠠᠯ ᠵᠠᠮ ᠤᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ᠃ G1817 ᠪᠠᠶᠠᠨᠬᠤᠳᠳᠤᠭ ᠠᠴᠠ ᠪᠠᠶᠠᠨᠬᠤᠲᠠ ᠬᠦᠷᠬᠦ ᠬᠡᠰᠡᠭ ᠢ ᠰᠢᠨᠡᠴᠢᠯᠡᠨ ᠪᠠᠶᠢᠭᠤᠯᠬᠤ | ᠢᠨᠵᠧᠨᠧᠷᠢᠩ ᠢ ᠠᠬᠢᠭᠤᠯᠵᠤ᠂ ᠵᠢᠯ ᠤᠨ ᠳᠣᠲᠣᠷ᠎ᠠ ᠪᠠᠷᠢᠯᠭ᠎ᠠ ᠡᠬᠢᠯᠡᠭᠦᠯᠬᠦ ᠪᠠᠷ ᠴᠢᠷᠮᠠᠶᠢᠨ᠎ᠠ᠃ ᠬᠥᠭᠡᠪᠦᠷᠢ ᠶᠢᠨ ᠠᠮᠢ | ᠠᠬᠤᠢ ᠶᠢᠨ ᠪᠠᠴᠢᠮ ᠪᠠᠶᠢᠳᠠᠯ ᠢ ᠠᠷᠭᠠᠴᠠᠭᠠᠬᠤ ᠤᠰᠤ ᠵᠠᠯᠠᠬᠤ ᠢᠨᠵᠧᠨᠧᠷᠢᠩ ᠤᠨ ᠠᠵᠢᠯ ᠤᠨ ᠪᠦᠲᠦᠭᠡᠨ | ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠤᠨ᠎ᠠ᠃ ᠪᠤᠶᠢᠳᠠ ᠪᠥᠭᠯᠡᠭᠦᠤ ᠭᠠᠵᠠᠷ ᠣᠷᠣᠨ ᠤ ᠴᠢᠮᠡᠭᠡ | ᠬᠤᠯᠪᠣᠭ᠎ᠠ ᠶᠢᠨ ᠨᠡᠪᠲᠡᠷᠡᠯᠲᠡ ᠶᠢ ᠰᠠᠶᠢᠵᠢᠷᠠᠭᠤᠯᠵᠤ᠂ 5G ᠰᠦᠯᠵᠢᠶᠡᠨ ᠤ ᠪᠥᠲᠥᠭᠡᠨ ᠪᠠᠶᠢᠭᠤᠯᠤᠯᠲᠠ ᠶᠢ | ᠠᠬᠢᠭᠤᠯᠤᠨ᠎ᠠ᠃ ᠬᠤᠲᠠ ᠶᠢᠨ ᠲᠥᠪ ᠳᠠᠬᠢ ᠴᠠᠬᠢᠯᠭᠠᠨ ᠥᠷᠲᠡᠭᠡᠨ ᠤ ᠡᠮᠦᠨᠡᠬᠢ ᠬᠤᠭᠤᠴᠠᠭᠠᠨ ᠤ ᠠᠵᠢᠯ ᠢ | ᠪᠡᠶᠡᠯᠡᠭᠦᠯᠵᠦ᠂ ᠪᠠᠷᠠᠭᠤᠨ ᠪᠠᠯ᠂ ᠵᠢᠷᠠᠲᠠᠶ᠂ ᠥᠯᠵᠡᠶ ᠵᠡᠷᠭᠡ ᠭᠠᠵᠠᠷ ᠤᠨ ᠬᠥᠳᠡᠭᠡ ᠠᠵᠤ ᠠᠬᠤᠢ ᠳᠤ ᠬᠡᠷᠡᠭᠯᠡᠬᠦ | ᠴᠠᠬᠢᠯᠭᠠᠨ ᠤ ᠲᠣᠤᠷ ᠤᠨ ᠥᠭᠡᠷᠡᠴᠢᠯᠡᠯᠲᠡ ᠶᠢᠨ ᠢᠨᠵᠧᠨᠧᠷᠢᠩ ᠢ ᠬᠡᠷᠡᠭᠵᠢᠭᠦᠯᠵᠦ᠂ ᠴᠢᠨᠠᠷᠯᠢᠭ ᠬᠥᠭᠵᠢᠯᠲᠡ ᠳᠤ | ᠰᠠᠭᠤᠷᠢ ᠪᠠᠲᠤᠯᠠᠭ᠎ᠠ ᠬᠠᠩᠭᠠᠨ᠎ᠠ᠃ | ︵ᠵᠢᠷᠭᠤᠭ᠎ᠠ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠵᠤ᠂ ᠪᠣᠬᠢᠷᠲᠤᠯ ᠦᠭᠡᠢ | ᠬᠥᠭᠵᠢᠯᠲᠡ ᠶᠢᠨ ᠰᠠᠭᠤᠷᠢ ᠶᠢ ᠲᠠᠯᠪᠢᠨ᠎ᠠ | ᠠᠮᠢ ᠠᠬᠤᠶ ᠶᠢᠨ ᠬᠢᠨᠠᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠰᠠᠭᠤᠷᠢ ᠬᠦᠴᠦᠨ ᠢ ᠪᠠᠲᠤᠯᠠᠵᠤ᠂ ᠠᠮᠢ ᠠᠬᠤᠶ ᠶᠢᠨ ᠴᠢᠳᠠᠮᠵᠢᠲᠤ | ᠣᠷᠣᠨ ᠤ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠬᠤᠷᠢᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠢ | ᠠᠬᠤᠶ ᠶᠢᠨ ᠣᠷᠴᠢᠨ ᠲᠣᠭᠤᠷᠢᠨ ᠢ ᠡᠪᠳᠡᠭᠰᠡᠳ ᠲᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠴᠢᠩᠭ᠎ᠠ | ᠬᠡᠷᠡᠭᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠢ ᠵᠠᠭᠠᠭᠯᠠᠨ ᠲᠣᠭᠲᠠᠭᠠᠵᠤ᠂ ᠪᠦᠬᠦ | ᠤᠯᠤᠰ ᠤᠨ ᠵᠢᠷᠭᠤᠳᠤᠭᠠᠷ ᠤᠳᠠᠭᠠᠨ ᠤ ᠴᠥᠯᠵᠢᠯᠲᠡ ᠪᠠ ᠡᠯᠡᠰᠦᠵᠢᠭᠰᠡᠨ ᠭᠠᠵᠠᠷ ᠰᠢᠷᠣᠶ ᠶᠢ ᠬᠢᠨᠠᠨ ᠬᠡᠮᠵᠢᠬᠦ ᠵᠡᠷᠭᠡ | ᠠᠵᠢᠯ ᠢ ᠰᠠᠶᠢᠲᠤᠷ ᠬᠢᠨ᠎ᠠ᠃ ᠡᠯ᠎ᠡ ᠱᠠᠲᠤᠨ ᠤ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠡᠮᠬᠢᠯᠡᠨ ᠨᠡᠶᠢᠯᠡᠭᠦᠯᠵᠦ | ᠰᠢᠯᠢᠳᠡᠭᠵᠢᠭᠦᠯᠬᠦ ᠠᠵᠢᠯ ᠢ ᠪᠦᠷᠢᠨ ᠪᠡᠶᠡᠯᠡᠭᠦᠯᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ | ᠲᠣᠭᠲᠠᠭᠠᠬᠤ ᠠᠵᠢᠯ ᠢ ᠠᠬᠢᠭᠤᠯᠤᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ ᠢ | ᠨᠠᠶᠢᠳᠠᠪᠤᠷᠢᠵᠢᠭᠤᠯᠬᠤ ᠠᠴᠠ ᠪᠠᠨ ᠪᠦᠬᠦ ᠲᠠᠯ ᠠ ᠪᠠᠷ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ᠃ ᠠᠵᠤ | ᠠᠬᠤᠶᠢᠯᠠᠯ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠ ᠵᠠᠰᠠᠭ ᠤᠨ ᠣᠷᠳᠣᠨ ᠤ ᠬᠢᠨᠠᠯᠲᠠ ᠬᠠᠮᠢᠶᠠᠷᠤᠯᠲᠠ ᠶᠢᠨ | ᠬᠠᠷᠢᠭᠤᠴᠠᠯᠭ᠎ᠠ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠢ ᠡᠪᠳᠡᠬᠦ ᠠᠵᠢᠯᠯᠠᠭ᠎ᠠ ᠳᠤ ᠴᠢᠩᠭ᠎ᠠ | ᠴᠣᠬᠢᠯᠲᠠ ᠥᠭᠴᠦ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ ᠶᠢᠨ ᠲᠦᠷᠢᠮ ᠢᠶᠠᠷ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠲᠤ ᠰᠠᠬᠢᠨ᠎ᠠ᠃ | ᠠᠮᠢ ᠠᠬᠤᠢ ᠶᠢᠨ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠨ᠎ᠠ᠃ ᠬᠠᠯᠬᠠᠪᠴᠢ ᠣᠢ ᠶᠢ 44.3 ᠲᠦᠮᠡᠨ ᠮᠦ | ᠬᠥᠮᠦᠨ ᠤ ᠬᠦᠴᠦ ᠪᠠᠷ ᠣᠶᠢᠵᠢᠭᠤᠯᠤᠨ᠂ 15 ᠲᠦᠮᠡᠨ ᠮᠦ ᠨᠢᠰᠬᠡᠯ ᠢᠶᠠᠷ ᠣᠶᠢᠵᠢᠭᠤᠯᠵᠤ᠂ 7.7 ᠲᠦᠮᠡᠨ ᠮᠦ | ᠤᠷᠭᠤᠮᠠᠯ ᠤᠨ ᠬᠤᠴᠢᠯᠭ᠎ᠠ ᠶᠢ ᠰᠡᠷᠭᠦᠭᠡᠨ᠂ ᠭᠤᠣᠯᠳᠠᠯᠭ᠎ᠠ ᠲᠠᠢ ᠣᠷᠣᠨ ᠪᠦᠰᠡ ᠶᠢ 1.2 ᠲᠦᠮᠡᠨ ᠮᠦ | ᠣᠶᠢᠵᠢᠭᠤᠯᠵᠤ᠂ 2 ᠲᠦᠮᠡᠨ ᠮᠦ ᠣᠢ ᠮᠣᠳᠣᠨ ᠤ ᠴᠢᠨᠠᠷ ᠢ ᠳᠡᠭᠡᠭᠰᠢᠯᠡᠭᠦᠯᠦᠨ᠎ᠡ᠃ ᠪᠡᠯᠴᠢᠭᠡᠷᠯᠡᠭᠦᠯᠬᠦ ᠶᠢ ᠬᠤᠷᠢᠭᠯᠠᠨ | ᠡᠪᠡᠰᠦ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠵᠦ᠂ ᠬᠥᠮᠦᠨ ᠤ ᠬᠦᠴᠦ ᠪᠠᠷ 5 ᠲᠦᠮᠡᠨ ᠮᠥ ᠡᠪᠡᠰᠦ ᠳᠠᠷᠢᠵᠤ᠂ | 10 ᠲᠦᠮᠡᠨ ᠮᠥ ᠡᠭᠡᠯᠵᠢᠯᠡᠭᠦᠯᠦᠨ ᠮᠠᠯᠵᠢᠬᠤ ᠪᠦᠰᠡ ᠳᠤ ᠲᠣᠣᠷ ᠲᠠᠲᠠᠨ᠎ᠠ᠂ 5 ᠲᠦᠮᠡᠨ ᠮᠥ ᠬᠤᠤᠷᠲᠤ ᠡᠪᠡᠰᠦ ᠶᠢ | ᠠᠷᠢᠯᠭᠠᠨ᠎ᠠ᠃ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠨᠡᠶᠢᠲᠡ ᠶᠢᠨ | ᠠᠰᠠᠷᠠᠮᠵᠢ ᠶᠢᠨ ᠣᠢ ᠶᠢᠨ ᠠᠮᠢ ᠠᠬᠤᠶ ᠶᠢᠨ ᠦᠷ᠎ᠡ ᠠᠰᠢᠭ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ | ᠴᠢᠩᠭ᠎ᠠ ᠨᠠᠶᠢᠳᠠᠪᠤᠷᠢᠵᠢᠭᠤᠯᠤᠨ᠎ᠠ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠨᠤᠭᠤ ᠭᠠᠵᠠᠷ ᠤᠨ | ᠬᠠᠮᠢᠶᠠᠷᠤᠯᠲᠠ ᠶᠢ ᠰᠠᠶᠢᠵᠢᠷᠠᠭᠤᠯᠤᠨ᠎ᠠ᠃ ᠪᠠᠶᠢᠭᠠᠯᠢ ᠶᠢᠨ ᠣᠢ ᠶᠢ ᠬᠠᠮᠠᠭᠠᠯᠠᠬᠤ ᠬᠤᠶᠠᠳᠤᠭᠠᠷ ᠬᠤᠭᠤᠴᠠᠭᠠᠨ ᠤ | ᠢᠨᠵᠧᠨᠧᠷᠢᠩ ᠢ ᠬᠡᠷᠡᠭᠵᠢᠭᠦᠯᠵᠦ᠂ 796 ᠲᠦᠮᠡᠨ ᠮᠦ ᠣᠷᠣᠨ ᠨᠤᠲᠤᠭ ᠤᠨ ᠨᠡᠶᠢᠲᠡ ᠶᠢᠨ ᠠᠰᠠᠷᠠᠮᠵᠢ ᠶᠢᠨ | ᠤᠢ ᠶᠢᠨ ᠵᠠᠭᠠᠭ ᠱᠤᠭᠤᠮ ᠢ ᠲᠣᠭᠲᠠᠭᠠᠬᠤ ᠠᠵᠢᠯ ᠢ ᠭᠦᠢᠴᠡᠳᠬᠡᠨ᠎ᠡ᠃ ᠨᠤᠲᠤᠭ ᠪᠡᠯᠴᠢᠭᠡᠷ ᠤᠨ ᠠᠮᠢ ᠠᠬᠤᠶ ᠶᠢ | ᠰᠡᠷᠭᠦᠭᠡᠬᠦ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠢᠱᠢᠶᠡᠴᠢ ᠲᠥᠷᠥᠯ ᠵᠦᠢᠯ ᠢ ᠡᠬᠢᠯᠡᠭᠦᠯᠵᠦ᠂ ᠤᠯᠤᠰ ᠤᠨ | ᠳᠡᠰ ᠤᠨ ᠠᠯᠠᠱᠨ ᠵᠡᠭᠦᠨ ᠬᠤᠰᠢᠭᠤᠨ ᠤ ᠣᠶ ᠰᠢᠭᠤᠶ ᠶᠢᠨ ᠣᠷᠴᠢᠯ ᠠᠵᠤ ᠠᠬᠤᠶ ᠶᠢᠨ ᠠᠵᠤ ᠦᠢᠯᠡᠰ ᠤᠨ | ᠬᠦᠷᠢᠶᠡᠯᠡᠩ ᠤᠨ ᠵᠢᠱᠢᠶᠡᠴᠢ ᠲᠣᠭᠤᠷᠢᠭ ᠢ ᠭᠤᠶᠤᠴᠢᠯᠠᠨ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠤᠨ᠎ᠠ᠃ | ︵ᠲᠤᠯᠤᠭ᠎ᠠ︶ ᠨᠡᠶᠢᠭᠡᠮ ᠤᠨ ᠠᠵᠢᠯ ᠦᠢᠯᠡᠰ ᠢ ᠪᠦᠬᠦ ᠲᠠᠯ᠎ᠠ ᠪᠠᠷ ᠬᠥᠭᠵᠢᠭᠦᠯᠵᠦ᠂ ᠠᠷᠠᠳ ᠤᠨ ᠠᠮᠢᠳᠤᠷᠠᠯ ᠢ ᠦᠨᠡᠨ | ᠬᠦ ᠪᠠᠲᠤᠯᠠᠨ ᠰᠠᠶᠢᠵᠢᠷᠠᠭᠤᠯᠤᠨ᠎ᠠ | ᠠᠵᠢᠯ ᠣᠯᠭᠤᠵᠣ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ | ᠃ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ᠤᠶᠤᠲᠠᠳ᠂ ᠴᠡᠷᠢᠭ ᠤᠨ ᠠᠯᠪᠠᠨ ᠠᠴᠠ ᠬᠠᠯᠠᠭᠳᠠᠭᠰᠠᠳ᠂ | ᠮᠠᠯᠵᠢᠬᠤ ᠲᠠᠷᠢᠶᠠᠯᠠᠬᠤ ᠣᠷᠣᠨ ᠠᠴᠠ ᠨᠡᠭᠦᠵᠦ ᠢᠷᠡᠭᠰᠡᠨ ᠬᠥᠳᠡᠯᠮᠦᠷᠢ ᠬᠦᠴᠦᠨ᠂ ᠠᠵᠢᠯ ᠣᠯᠬᠤ ᠳᠤ ᠬᠦᠴᠢᠷᠲᠡᠶ | ᠬᠥᠮᠦᠰ ᠵᠡᠷᠭᠡ ᠬᠥᠮᠥᠰ ᠤᠨ ᠠᠵᠢᠯ ᠣᠯᠭᠤᠯᠲᠠ ᠶᠢ ᠰᠠᠶᠢᠲᠤᠷ ᠬᠢᠵᠦ᠂ ᠡᠷᠬᠢᠯᠡᠭᠰᠡᠨ ᠠᠵᠢᠯ ᠦᠭᠡᠢ ᠭᠡᠷ ᠪᠦᠯᠢ ᠶᠢᠨ | ᠭᠡᠰᠢᠭᠦᠳ ᠤᠨ ᠠᠵᠢᠯ ᠣᠯᠭᠤᠯᠲᠠ ᠶᠢ ᠪᠠᠲᠤᠯᠠᠨ᠎ᠠ᠃ ᠬᠤᠲᠠ ᠪᠠᠯᠭᠠᠰᠤᠨ ᠳᠤ 1000 ᠠᠴᠠ ᠳᠡᠭᠡᠭᠰᠢ ᠬᠥᠮᠦᠨ ᠳᠤ | ᠰᠢᠨ᠎ᠡ ᠪᠠᠷ ᠠᠵᠢᠯ ᠣᠯᠭᠤᠵᠤ᠂ ᠮᠠᠯᠵᠢᠬᠤ ᠲᠠᠷᠢᠶᠠᠯᠠᠬᠤ ᠣᠷᠣᠨ ᠳᠤ 800 ᠬᠥᠮᠦᠨ ᠢ ᠰᠢᠯᠵᠢᠭᠦᠯᠦᠨ ᠠᠵᠢᠯ | ᠣᠯᠭᠤᠵᠤ᠂ ᠠᠵᠢᠯ ᠠᠯᠳᠠᠭᠰᠠᠨ 400 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 3.5% ᠶᠢᠨ ᠳᠣᠲᠣᠷ᠎ᠠ ᠬᠢᠵᠠᠭᠠᠷᠯᠠᠨ᠎ᠠ᠃ ᠨᠡᠶᠢᠭᠡᠮ | ᠲᠣᠭᠤᠷᠢᠭ ᠤᠨ ᠶᠠᠳᠠᠭᠤ ᠬᠦᠴᠢᠷᠳᠡᠯᠲᠡᠢ ᠬᠥᠮᠥᠰ ᠢ ᠲᠡᠳᠬᠦᠬᠦ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 40 | ᠠᠵᠢᠯ ᠤᠨ ᠪᠠᠶᠢᠷᠢ ᠶᠢ ᠭᠠᠷᠭᠠᠨ᠎ᠠ᠃ ᠭᠤᠷᠪᠠ ᠶᠢ ᠳᠠᠮᠵᠢᠵᠤ ᠨᠢᠭᠡ ᠶᠢ ᠲᠡᠳᠬᠦᠬᠦ᠂ ᠨᠡᠶᠢᠭᠡᠮ ᠲᠣᠭᠤᠷᠢᠭ ᠤᠨ | ᠠᠷᠠᠳ ᠤᠨ ᠠᠮᠢᠳᠤᠷᠠᠯ ᠳᠤ ᠲᠤᠰᠠᠯᠠᠬᠤ ᠰᠠᠶᠢᠨ ᠳᠤᠷᠠᠴᠤᠳ ᠵᠡᠷᠭᠡ ᠦᠨᠳᠦᠰᠦᠨ ᠱᠠᠲᠤᠨ ᠤ ᠲᠥᠷᠥᠯ ᠵᠦᠢᠯ ᠢ | ᠬᠡᠷᠡᠭᠵᠢᠭᠦᠯᠦᠨ᠎ᠡ᠃ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠠᠴᠢᠶᠠᠯᠠᠪᠤᠷᠢ ᠶᠢᠨ ᠪᠠᠶᠢᠭᠤᠯᠤᠯᠲᠠ ᠶᠢ | ᠠᠬᠢᠭᠤᠯᠤᠨ᠎ᠠ᠃ ᠠᠳᠠᠯ ᠦᠢᠯᠡᠰ ᠴᠣᠭᠴᠠᠯᠠᠬᠤ ᠲᠠᠭᠠᠭᠠᠯᠲᠠᠲᠤ ᠵᠢᠭᠡᠯᠡᠯᠭᠡ ᠶᠢ 1000 ᠲᠦᠮᠡᠨ ᠲᠥᠭᠦᠷᠢᠭ ᠠᠴᠠ | ᠳᠡᠭᠡᠭᠰᠢ ᠲᠠᠯᠪᠢᠨ᠎ᠠ᠃ ᠰᠢᠨ᠎ᠡ ᠬᠡᠷᠡᠭᠯᠡᠭᠡ ᠶᠢ ᠳᠡᠮᠵᠢᠵᠦ᠂ ᠵᠡᠭᠡᠯᠢ ᠶᠢᠨ ᠵᠠᠳᠠᠭᠠᠢ ᠬᠤᠳᠠᠯᠳᠤᠭ᠎ᠠ ᠶᠢᠨ ᠬᠥᠭᠵᠢᠯᠲᠡ ᠳᠤ | ᠰᠠᠶᠢᠨ ᠰᠠᠶᠢᠬᠠᠨ ᠨᠥᠬᠦᠴᠡᠯ ᠢ ᠪᠦᠷᠢᠯᠳᠦᠭᠦᠯᠵᠦ ᠥᠭᠭᠦᠨ᠎ᠡ᠃ | ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠤᠨ ᠪᠠᠶᠢᠭᠤᠯᠤᠯᠲᠠ ᠶᠢ ᠳᠡᠭᠡᠭᠰᠢᠯᠡᠭᠦᠯᠦᠨ᠎ᠡ᠃ ︽ | ᠭᠠᠳᠠᠨ᠎ᠠ ᠠᠴᠠ ᠣᠷᠣᠬᠤ ᠶᠢ ᠰᠡᠷᠭᠡᠶᠢᠯᠡᠵᠦ᠂ ᠵᠥᠪ ᠣᠨᠣᠪᠴᠢᠲᠠᠶ ᠰᠡᠷᠭᠡᠶᠢᠯᠡᠨ ᠬᠢᠵᠠᠭᠠᠷᠯᠠᠬᠤ︾ ᠶᠢ ᠪᠠᠷᠢᠮᠲᠠᠯᠠᠵᠤ᠂ | ᠬᠢᠵᠢᠭ ᠤᠨ ᠬᠠᠯᠳᠠᠪᠤᠷᠢ ᠶᠢ ᠰᠡᠷᠭᠡᠶᠢᠯᠡᠨ ᠬᠢᠵᠠᠭᠠᠷᠯᠠᠬᠤ ᠲᠥᠷᠥ ᠶᠢᠨ ᠪᠣᠳᠣᠯᠭ᠎ᠠ ᠠᠷᠭ᠎ᠠ ᠠᠪᠴᠠᠯ ᠢ ᠪᠦᠷᠢᠨ | ᠨᠠᠶᠢᠳᠠᠪᠤᠷᠢᠵᠢᠭᠤᠯᠵᠤ᠂ ᠬᠢᠯᠢ ᠶᠢᠨ ᠭᠠᠳᠠᠨ᠎ᠠ ᠠᠴᠠ ᠣᠷᠣᠬᠤ ᠬᠠᠯᠳᠠᠪᠤᠷᠢ ᠪᠠ ᠡᠪᠡᠳᠴᠢᠨ ᠤ ᠢᠯᠡᠷᠡᠯ ᠦᠭᠡᠶ | ᠬᠠᠯᠳᠠᠪᠤᠷᠢᠯᠠᠭᠰᠠᠳ ᠢ ᠰᠡᠷᠭᠡᠶᠢᠯᠡᠬᠦ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠡᠷᠲᠡ ᠢᠯᠡᠷᠡᠭᠦᠯᠵᠦ᠂ ᠡᠷᠲᠡ | ᠰᠢᠢᠳᠪᠦᠷᠢᠯᠡᠵᠦ᠂ ᠣᠨᠣᠴᠠᠲᠠᠶ ᠬᠠᠮᠢᠶᠠᠷᠴᠤ᠂ ᠪᠦᠲᠦᠮᠵᠢᠲᠡᠢ ᠡᠮᠴᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ︽ᠡᠷᠲᠡ ᠢᠯᠡᠷᠡᠭᠦᠯᠵᠦ᠂ ᠡᠷᠲᠡ ᠮᠡᠳᠡᠭᠦᠯᠵᠦ᠂ ᠡᠷᠲᠡ ᠲᠤᠰᠠᠭᠠᠷᠯᠠᠵᠤ᠂ ᠡᠷᠲᠡ ᠡᠮᠴᠢᠯᠡᠬᠦ︾ | ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠬᠠᠯᠳᠠᠪᠤᠷᠢ ᠠᠴᠠ ᠤᠷᠢᠳᠴᠢᠯᠠᠨ ᠰᠡᠷᠭᠡᠶᠢᠯᠡᠬᠦ ᠠᠵᠢᠯ ᠢ | ᠥᠴᠦᠬᠡᠨ ᠴᠦ ᠰᠡᠳᠬᠢᠯ ᠠᠯᠭᠠᠰᠠᠯ ᠦᠭᠡᠢ ᠰᠠᠶᠢᠲᠤᠷ ᠠᠳᠬᠤᠨ᠎ᠠ᠃ ᠬᠢᠵᠢᠭ ᠤᠨ ᠬᠠᠯᠳᠠᠪᠤᠷᠢ ᠶᠢ ᠰᠡᠷᠭᠡᠶᠢᠯᠡᠬᠦ | ᠤᠯᠤᠰ ᠤᠨ ᠣᠨᠴᠠᠭᠠᠢ ᠵᠢᠭᠡᠯᠡᠯᠭᠡ ᠶᠢ ᠢᠳᠡᠪᠬᠢᠲᠡᠢ ᠴᠢᠷᠮᠠᠶᠢᠨ ᠣᠯᠵᠤ᠂ ᠬᠢᠵᠢᠭ ᠤᠨ ᠬᠠᠯᠳᠠᠪᠤᠷᠢ ᠶᠢ ᠰᠡᠷᠭᠡᠶᠢᠯᠡᠬᠦ ᠪᠠ | ᠡᠮᠴᠢᠯᠡᠬᠦ ᠲᠥᠬᠦᠭᠡᠷᠦᠮᠵᠢ ᠶᠢ ᠨᠡᠮᠡᠭᠳᠡᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠶᠢᠨ ᠪᠠᠲᠤᠯᠠᠭ᠎ᠠ | ᠪᠣᠯᠤᠨ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠪᠠ ᠬᠢᠵᠢᠭ ᠤᠨ ᠰᠡᠷᠭᠡᠶᠢᠯᠡᠯᠲᠡ ᠶᠢ ᠴᠢᠩᠭᠠᠳᠬᠠᠵᠤ᠂ ᠡᠬᠡ | ᠨᠢᠯᠬᠠᠰ ᠤᠨ ᠡᠷᠡᠭᠦᠯ ᠮᠡᠨᠳᠦ ᠶᠢᠨ ᠡᠮᠨᠡᠯᠭᠡ ᠶᠢᠨ ᠬᠤᠷᠢᠶᠠᠨ ᠤ ᠲᠤᠬᠠᠶᠢᠯᠠᠭᠰᠠᠨ ᠠᠵᠢᠯ ᠤᠨ ᠠᠰᠠᠷ᠂ ᠡᠪᠡᠳᠴᠢᠨ | ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠡᠭᠡᠷ᠎ᠡ ᠶᠢᠨ ᠬᠤᠯᠤᠭᠠᠨ᠎ᠠ ᠶᠢᠨ ᠬᠢᠵᠢᠭ ᠠᠴᠠ ᠤᠷᠢᠳᠴᠢᠯᠠᠨ | ᠰᠡᠷᠭᠡᠶᠢᠯᠡᠵᠦ ᠬᠢᠨᠠᠨ ᠬᠡᠮᠵᠢᠬᠦ ᠴᠡᠭ ᠤᠨ ᠲᠥᠷᠥᠯ ᠵᠦᠢᠯ ᠢ ᠠᠬᠢᠭᠤᠯᠤᠨ᠎ᠠ᠃ ᠵᠢᠷᠠᠲᠠᠶ ᠡᠮᠨᠡᠯᠭᠡ ᠶᠢᠨ ᠬᠤᠷᠢᠶᠠᠨ ᠤ | ᠶᠡᠷᠦᠩᠬᠡᠶᠢᠯᠡᠭᠰᠡᠨ ᠠᠰᠠᠷ᠂ PCR ᠲᠤᠷᠰᠢᠯᠲᠠ ᠶᠢᠨ ᠲᠠᠰᠤᠭ ᠤᠨ ᠲᠥᠷᠥᠯ ᠵᠦᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠤᠨ᠎ᠠ᠃ | ᠡᠮ ᠡᠮᠨᠡᠯᠭᠡ ᠶᠢᠨ ᠦᠨᠳᠦᠰᠦᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠦᠬᠦ | ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠬᠡᠷᠡᠭᠵᠢᠭᠦᠯᠵᠦ᠂ ᠬᠤᠲᠠ ᠬᠥᠳᠡᠭᠡ ᠶᠢᠨ | ᠰᠠᠭᠤᠭᠠᠯᠢ ᠠᠷᠠᠳ ᠤᠨ ᠡᠮ ᠡᠮᠨᠡᠯᠭᠡ ᠶᠢᠨ ᠦᠨᠳᠦᠰᠦᠨ ᠳᠠᠭᠠᠳᠬᠠᠯ ᠤᠨ ᠳᠦᠷᠢᠮ ᠪᠠ ᠬᠦᠨᠳᠦ ᠡᠪᠡᠳᠴᠢᠲᠡᠨ ᠤ | ᠳᠠᠭᠠᠳᠬᠠᠯ ᠤᠨ ᠳᠦᠷᠢᠮ ᠢ ᠲᠡᠭᠦᠯᠳᠡᠷᠵᠢᠭᠦᠯᠵᠦ᠂ ᠬᠤᠲᠠ ᠪᠠᠯᠭᠠᠰᠤᠨ ᠤ ᠠᠵᠢᠯᠲᠠᠳ ᠤᠨ ᠡᠮ ᠡᠮᠨᠡᠯᠭᠡ ᠶᠢᠨ | ᠦᠨᠳᠦᠰᠦᠨ ᠳᠠᠭᠠᠳᠬᠠᠯ ᠤᠨ ᠠᠶᠢᠮᠠᠭ ᠤᠨ ᠱᠠᠲᠤᠨ ᠠᠴᠠ ᠨᠢᠭᠡᠳᠦᠯᠲᠡᠶ ᠲᠥᠯᠥᠪᠯᠡᠬᠦ ᠶᠢ ᠢᠳᠡᠪᠬᠢᠲᠡᠶ ᠲᠦᠯᠬᠢᠨ | ᠠᠬᠢᠭᠤᠯᠵᠤ᠂ ᠰᠠᠭᠤᠷᠢ ᠮᠥᠩᠭᠦ ᠲᠠᠲᠠᠪᠤᠷᠢᠯᠠᠨ ᠲᠤᠰᠢᠶᠠᠬᠤ ᠶᠢ ᠢᠳᠡᠪᠬᠢᠲᠡᠢ ᠪᠠᠷ ᠠᠬᠢᠭᠤᠯᠤᠨ᠎ᠠ᠃ ᠲᠣᠭᠠᠴᠠᠭ᠎ᠠ ᠬᠢᠬᠦ | ᠠᠷᠭ᠎ᠠ ᠮᠠᠶ᠋ᠢᠭ ᠢ ᠰᠠᠶᠢᠵᠢᠷᠠᠭᠤᠯᠵᠤ᠂ ᠳᠠᠭᠠᠳᠬᠠᠯ ᠤᠨ ᠮᠡᠬᠡᠯᠡᠯ ᠳᠤ ᠴᠣᠬᠢᠯᠲᠠ ᠥᠭᠴᠦ᠂ ᠡᠮᠴᠢᠯᠡᠭᠡᠨ ᠤ | ᠳᠠᠭᠠᠳᠬᠠᠯ ᠤᠨ ᠰᠠᠭᠤᠷᠢ ᠮᠥᠩᠭᠦ ᠶᠢᠨ ᠡᠷᠭᠢᠯᠲᠡ ᠶᠢᠨ ᠦᠷ᠎ᠡ ᠪᠦᠲᠦᠮᠵᠢ ᠪᠠ ᠡᠷᠡᠰᠳᠡᠯ ᠢ ᠡᠰᠡᠷᠭᠦᠴᠡᠬᠦ | ᠴᠢᠳᠠᠪᠤᠷᠢ ᠶᠢ ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ | ᠡᠮᠨᠡᠯᠭᠡ ᠶᠢᠨ ᠴᠢᠳᠠᠮᠵᠢ ᠶᠢ ᠴᠢᠩᠭᠠᠳᠬᠠᠵᠤ᠂ ᠪᠦᠰᠡ ᠨᠤᠲᠤᠭ ᠤᠨ ᠡᠮ ᠡᠮᠨᠡᠯᠭᠡ ᠶᠢᠨ ᠬᠠᠮᠲᠤᠷᠠᠯᠴᠠᠭ᠎ᠠ᠂ | ᠣᠳᠣᠬᠢᠴᠢᠯᠠᠭᠰᠠᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠦᠷᠭᠦᠯᠵᠢᠯᠡᠨ ᠠᠬᠢᠭᠤᠯᠵᠤ᠂ ᠠᠪᠤᠷᠠᠨ ᠵᠠᠰᠠᠬᠤ ᠴᠢᠳᠠᠪᠤᠷᠢ ᠪᠠ ᠡᠮ ᠡᠮᠨᠡᠯᠭᠡ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ | ᠰᠤᠷᠭᠠᠨ ᠬᠥᠮᠦᠵᠢᠯ ᠤᠨ ᠴᠢᠨᠠᠷᠯᠢᠭ᠂ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠴᠢᠨᠠᠷᠯᠢᠭ ᠲᠡᠩᠴᠡᠭᠦᠷᠢᠲᠡᠶ ᠪᠠᠶᠢᠬᠤ ᠶᠢ ᠲᠦᠷᠭᠡᠳᠬᠡᠨ ᠠᠬᠢᠭᠤᠯᠵᠤ᠂ ᠠᠯᠪᠠᠨ ᠠᠴᠠ | ᠡᠷᠬᠢᠯᠡᠭᠰᠡᠨ ᠪᠠ ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠵᠡᠷᠭᠡᠪᠡᠷ ᠬᠥᠭᠵᠢᠭᠦᠯᠵᠦ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠨᠡᠮᠡᠭᠳᠡᠭᠦᠯᠦᠨ᠎ᠡ᠃ ᠦᠨᠳᠦᠰᠦᠲᠡᠨ ᠤ ᠰᠤᠷᠭᠠᠨ ᠬᠥᠮᠦᠵᠢᠯ ᠢ | ᠡᠩ ᠲᠡᠷᠢᠭᠦᠨ ᠳᠤ ᠬᠥᠭᠵᠢᠭᠦᠯᠵᠦ᠂ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠠᠵᠢᠯ ᠢ ᠰᠠᠶᠢᠲᠤᠷ | ᠡᠷᠬᠢᠯᠡᠨ᠎ᠠ᠃ ᠪᠠᠭᠰᠢ ᠶᠢᠨ ᠡᠩᠨᠡᠭᠡ᠂ ᠰᠠᠭᠤᠷᠢ ᠰᠤᠷᠭᠠᠨ ᠬᠥᠮᠦᠵᠢᠯ ᠤᠨ ᠬᠢᠴᠢᠶᠡᠯ ᠤᠨ ᠥᠭᠡᠷᠡᠴᠢᠯᠡᠯᠲᠡ ᠶᠢ | ᠴᠢᠩᠭᠠᠳᠬᠠᠵᠤ᠂ ᠰᠤᠷᠭᠠᠨ ᠬᠥᠮᠦᠵᠢᠯ ᠤᠨ ᠴᠢᠨᠠᠷ ᠢ ᠶᠡᠷᠦᠩᠬᠡᠶᠢᠯᠡᠨ ᠦᠨᠡᠯᠡᠬᠦ ᠲᠥᠷᠥᠯ ᠵᠦᠢᠯ ᠢ ᠦᠷᠭᠦᠯᠵᠢᠯᠡᠨ | ᠠᠬᠢᠭᠤᠯᠤᠨ᠎ᠠ᠃ ᠲᠤᠰᠬᠠᠶ ᠲᠥᠷᠥᠯ ᠵᠢᠴᠢ ᠵᠢᠭᠡᠯᠡᠯᠭᠡ ᠶᠢᠨ ᠲᠡᠮᠳᠡᠭᠲᠦ ᠪᠡᠯᠡ ᠮᠥᠩᠭᠦ ᠶᠢ 1.5 ᠳ᠋ᠦᠩᠰᠢᠭᠤᠷ | ᠲᠥᠭᠦᠷᠢᠭ ᠢ ᠡᠷᠡᠮᠡᠯᠵᠡᠯᠡᠨ ᠣᠯᠵᠤ᠂ ᠲᠠᠪᠤᠳᠤᠭᠠᠷ᠂ ᠵᠢᠷᠭᠤᠳᠤᠭᠠᠷ ᠬᠡᠤᠬᠡᠳ ᠤᠨ ᠴᠡᠴᠡᠷᠯᠢᠭ ᠢ ᠰᠢᠨ᠎ᠡ ᠪᠠᠷ | ᠪᠠᠶᠢᠭᠤᠯᠤᠨ᠂ ᠲᠠᠪᠤᠳᠤᠭᠠᠷ ᠪᠠᠭ᠎ᠠ ᠰᠤᠷᠭᠠᠭᠤᠯᠢ᠂ ᠮᠣᠩᠭᠤᠯ ᠦᠨᠳᠦᠰᠦᠲᠡᠨ ᠤ ᠲᠤᠷᠰᠢᠯᠲᠠ ᠶᠢᠨ ᠪᠠᠭ᠎ᠠ | ᠰᠤᠷᠭᠠᠭᠤᠯᠢ ᠶᠢᠨ ᠦᠯᠵᠡᠢ ᠶᠢᠨ ᠵᠢᠭᠠᠨ ᠰᠤᠷᠭᠠᠬᠤ ᠴᠡᠭ ᠢ ᠦᠷᠭᠦᠯᠵᠢᠯᠡᠨ ᠪᠠᠶᠢᠭᠤᠯᠵᠤ᠂ ᠳᠣᠯᠣᠳᠤᠭᠠᠷ | ᠬᠡᠦᠬᠡᠳ ᠤᠨ ᠴᠡᠴᠡᠷᠯᠢᠭ ᠢ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠤᠨ᠎ᠠ᠃ 7 ᠰᠤᠷᠭᠠᠭᠤᠯᠢ ᠳᠤ ︽ | ᠵᠣᠷᠯᠣᠩ ᠤᠨ ᠥᠭᠡᠷᠡᠴᠢᠯᠡᠯᠲᠡ︾ ᠶᠢ ᠬᠡᠷᠡᠭᠵᠢᠭᠦᠯᠵᠦ᠂ ᠰᠤᠷᠭᠠᠭᠤᠯᠢ ᠶᠢᠨ ᠬᠦᠷᠢᠶᠡᠨ ᠤ 10 ᠪᠡᠶ᠎ᠡ ᠶᠢᠨ ᠲᠠᠮᠢᠷ ᠤᠨ | ᠲᠠᠯᠠᠪᠤᠷ᠂ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠠᠰᠤᠭ ᠵᠡᠷᠭᠡ ᠰᠠᠭᠤᠷᠢ ᠲᠥᠬᠦᠭᠡᠷᠦᠮᠵᠢ ᠶᠢ ᠰᠠᠶᠢᠵᠢᠷᠠᠭᠤᠯᠤᠨ᠎ᠠ᠃ | ᠰᠢᠨᠬᠤᠸᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠨᠠᠨ ᠯᠢᠶᠠᠩ ᠵᠡᠭᠡᠯᠢ ᠶᠢᠨ ᠠᠷᠠᠳ ᠤᠨ ᠪᠡᠶ᠎ᠡ | ᠴᠢᠭᠢᠷᠠᠭᠵᠢᠭᠤᠯᠬᠤ ᠠᠵᠢᠯᠯᠠᠭᠠᠨ ᠤ ᠲᠥᠪ ᠢ ᠰᠢᠨ᠎ᠡ ᠪᠠᠷ ᠪᠠᠶᠢᠭᠤᠯᠤᠨ᠎ᠠ᠃ | ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠳᠬᠠᠤᠨᠠ᠃ ︽ᠲᠠᠪᠤᠨ ᠳᠠᠭᠠᠳᠬᠠᠯ︾ | ᠤᠨ ᠬᠠᠮᠤᠷᠬᠤ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠬᠤ ᠶᠢ ᠠᠬᠢᠭᠤᠯᠵᠤ᠂ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠪᠠ ᠡᠮ ᠡᠮᠨᠡᠯᠭᠡ ᠶᠢᠨ ᠳᠠᠭᠠᠳᠬᠠᠯ ᠳᠤ ᠪᠦᠷᠢᠨ ᠬᠠᠮᠤᠷᠤᠭᠤᠯᠬᠤ ᠪᠠᠷ | ᠴᠢᠷᠮᠠᠶᠢᠨ᠎ᠠ᠃ ᠡᠮᠦᠨᠡᠬᠢ ᠵᠢᠯ ᠤᠨ 7% ᠠᠴᠠ ᠳᠣᠷᠣᠭᠰᠢ ᠪᠠᠭᠤᠯᠭᠠᠬᠤ ᠦᠭᠡᠢ ᠪᠠᠷᠢᠮᠵᠢᠶ᠎ᠠ ᠶᠣᠰᠣᠭᠠᠷ᠂ ᠬᠤᠲᠠ | ᠪᠠᠯᠭᠠᠰᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠬᠥᠮᠥᠰ᠂ ᠣᠨᠴᠠ ᠬᠦᠴᠢᠷᠳᠡᠯᠲᠡᠶ ᠬᠥᠮᠦᠰ ᠢ | ᠠᠪᠤᠷᠠᠨ ᠲᠤᠰᠠᠯᠠᠬᠤ ᠪᠠᠷᠢᠮᠵᠢᠶ᠎ᠠ ᠶᠢ ᠲᠣᠭᠲᠠᠮᠠᠯ ᠳᠡᠭᠡᠭᠰᠢᠯᠡᠭᠦᠯᠦᠨ᠎ᠡ᠃ ᠲᠦᠷ ᠴᠠᠭ ᠤᠨ ᠠᠪᠤᠷᠠᠨ ᠲᠤᠰᠠᠯᠠᠬᠤ | ᠦᠢᠯᠡᠳᠦᠯ ᠢ ᠪᠠᠳᠠᠷᠠᠭᠤᠯᠵᠤ᠂ ᠰᠢᠨ᠎ᠡ ᠲᠢᠲᠢᠮᠯᠡᠭ ᠸᠢᠷᠦ᠋ᠰ ᠤᠨ ᠬᠠᠯᠳᠠᠪᠤᠷᠢ᠂ ᠪᠠᠶᠢᠭᠠᠯᠢ ᠶᠢᠨ ᠭᠠᠮᠰᠢᠭ ᠵᠡᠷᠭᠡ | ᠬᠦᠴᠦᠨ ᠵᠦᠢᠯ ᠳᠤ ᠶᠡᠬᠡᠪᠡᠷ ᠨᠥᠯᠥᠭᠡᠯᠡᠭᠳᠡᠭᠰᠡᠨ ᠶᠠᠳᠠᠭᠤ ᠬᠦᠴᠢᠷᠳᠡᠯᠲᠡᠶ ᠬᠥᠮᠥᠰ ᠢ ᠲᠤᠰᠠᠯᠠᠨ᠎ᠠ᠃ ᠥᠷᠢ ᠰᠢᠷᠢ ᠶᠢ | ᠳᠢᠭᠯᠡᠵᠦ ᠵᠠᠷᠤᠯᠭ᠎ᠠ ᠶᠢ ᠪᠠᠲᠤᠯᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠰᠠᠶᠢᠲᠤᠷ ᠬᠡᠷᠡᠭᠵᠢᠭᠦᠯᠵᠦ᠂ | ᠡᠶ᠎ᠡ ᠵᠣᠬᠢᠴᠠᠯ ᠲᠠᠢ ᠬᠥᠳᠡᠯᠮᠦᠷᠢ ᠶᠢᠨ ᠬᠠᠷᠢᠴᠠᠭ᠎ᠠ ᠶᠢ ᠲᠠᠰᠤᠷᠠᠯᠲᠠ ᠦᠭᠡᠢ ᠪᠤᠢ ᠪᠣᠯᠭᠠᠨ᠎ᠠ᠃ ᠪᠦᠬᠦ ᠤᠯᠤᠰ ᠤᠨ | ᠳᠣᠯᠣᠳᠤᠭᠠᠷ ᠤᠳᠠᠭᠠᠨ ᠤ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠢ ᠰᠠᠶᠢᠲᠦᠷ ᠬᠢᠨ᠎ᠡ᠃ | ᠬᠠᠯᠠᠭᠳᠠᠭᠰᠠᠨ ᠴᠡᠷᠢᠭ ᠢ ᠬᠠᠷᠠᠭᠠᠯᠵᠠᠨ ᠲᠥᠪᠬᠢᠨᠡᠭᠦᠯᠬᠦ ᠲᠦᠷᠢᠮ ᠢ ᠲᠡᠭᠦᠯᠳᠡᠷᠵᠢᠭᠦᠯᠦᠨ᠎ᠡ᠃ ᠨᠠᠰᠤᠵᠢᠯ ᠤᠨ | ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠨᠡᠶᠢᠭᠡᠮ ᠤᠨ ᠬᠦᠴᠦᠨ ᠤ ᠲᠦᠭᠡᠮᠡᠯ | ᠬᠠᠷᠠᠭᠠᠯᠵᠠᠯ ᠢᠶᠠᠷ ᠬᠡᠤᠬᠡᠳ ᠰᠠᠭᠠᠲᠠᠭᠤᠯᠬᠤ ᠦᠢᠯᠡᠴᠢᠯᠡᠭᠡ ᠶᠢ ᠬᠥᠭᠵᠢᠭᠦᠯᠬᠦ ᠶᠢ ᠲᠡᠮᠵᠢᠵᠤ᠂ ᠨᠡᠶᠢᠲᠡ ᠶᠢᠨ | ᠠᠰᠠᠷᠠᠮᠵᠢ ᠶᠢᠨ ᠬᠠᠯᠠᠮᠵᠢ ᠶᠢᠨ ᠦᠢᠯᠡᠰ ᠪᠠ ᠨᠠᠰᠤᠲᠠᠶᠢᠴᠤᠳ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ | ᠥᠨᠥᠴᠢᠨ ᠬᠡᠤᠬᠡᠳ ᠢ ᠠᠪᠤᠷᠠᠬᠤ ᠵᠡᠷᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ | ᠤᠯᠠᠨ ᠨᠡᠶᠢᠲᠡ ᠶᠢᠨ ᠰᠣᠶᠣᠯ ᠤᠨ ᠦᠢᠯᠡᠰ ᠢ ᠪᠠᠳᠠᠷᠠᠭᠤᠯᠤᠨ ᠬᠥᠭᠵᠢᠭᠦᠯᠦᠨ᠎ᠡ᠃ ᠤᠯᠠᠭᠠᠨᠮᠥ᠋ᠴᠢᠷ ᠤᠨ | ᠪᠠᠷᠢᠮᠵᠢᠶᠠᠵᠢᠭᠰᠠᠨ ᠪᠠᠶᠢᠭᠤᠯᠤᠯᠲᠠ ᠶᠢ ᠳᠠᠮᠵᠢᠵᠤ᠂ ᠤᠯᠠᠭᠠᠨᠮᠥ᠋ᠴᠢᠷ ᠤᠨ ᠠᠷᠠᠳ ᠲᠤ ᠠᠰᠢᠭ ᠬᠦᠷᠲᠡᠭᠡᠬᠦ | ᠲᠣᠭᠯᠠᠯᠲᠠ ᠶᠢᠨ ᠲᠢᠩᠬᠢᠮ ᠢ ᠰᠢᠨ᠎ᠡ ᠪᠠᠷ ᠪᠠᠶᠢᠭᠤᠯᠤᠨ᠎ᠠ᠃ ᠬᠤᠯᠠᠳᠠᠬᠢᠨ ᠢ ᠲᠣᠭᠲᠠᠭᠠᠭᠴᠢ ᠬᠤᠷᠢᠶ᠎ᠠ᠂ ᠮᠢᠩ | ᠤᠯᠤᠰ ᠤᠨ ᠤᠷᠲᠤ ᠴᠠᠭᠠᠨ ᠬᠡᠷᠡᠮ᠂ ᠬᠠᠳᠠᠨ ᠵᠢᠷᠤᠭ ᠵᠡᠷᠭᠡ ᠲᠡᠤᠬᠡ ᠶᠢᠨ ᠳᠤᠷᠠᠰᠬᠠᠯᠲᠤ ᠵᠦᠢᠯᠡᠰ ᠤᠨ | ᠬᠠᠮᠠᠭᠠᠯᠠᠯᠲᠠ ᠶᠢ ᠴᠢᠩᠭᠠᠳᠬᠠᠨ᠎ᠠ᠃ ᠮᠣᠷᠢᠨ ᠬᠢᠯᠭᠠᠰᠤ ᠪᠠᠷ ᠣᠷᠢᠶᠠᠭᠰᠠᠨ ᠮᠣᠩᠭᠤᠯ ᠲᠠᠩᠺᠠ ᠵᠡᠷᠭᠡ ᠪᠣᠳᠠᠰ ᠤᠨ | ᠪᠤᠰᠤ ᠰᠣᠶᠣᠯ ᠤᠨ ᠥᠪ ᠢ ᠬᠠᠮᠠᠭᠠᠯᠠᠨ ᠵᠠᠯᠭᠠᠮᠵᠢᠯᠠᠬᠤ ᠶᠢ ᠠᠬᠢᠭᠤᠯᠵᠤ᠂ ᠠᠯᠠᠱᠠ ᠵᠡᠭᠦᠨ ᠬᠤᠰᠢᠭᠤᠨ ᠤ ᠲᠡᠤᠬᠡ | ᠰᠣᠶᠣᠯ ᠤᠨ ᠥᠪ ᠤᠯᠠᠮᠵᠢᠯᠠᠯ ᠢ ᠪᠠᠳᠠᠷᠠᠭᠤᠯᠤᠨ᠎ᠠ᠃ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ | ᠨᠠᠶᠢᠳᠠᠪᠤᠷᠢᠵᠢᠭᠤᠯᠤᠨ᠂ ᠴᠠᠭᠠᠨ ᠰᠠᠷ᠎ᠠ ᠶᠢᠨ ᠭᠠᠯ ᠲᠠᠬᠢᠯᠭ᠎ᠠ᠂ ᠵᠠᠭᠤᠨ ᠡᠳᠦᠷ ᠤᠨ ᠵᠤᠨ ᠤ ᠰᠡᠯᠡᠭᠦᠴᠡᠯ ᠵᠡᠷᠭᠡ | ᠰᠣᠶᠣᠯ ᠤᠨ ᠠᠵᠢᠯᠯᠠᠭ᠎ᠠ ᠶᠢ ᠥᠷᠨᠢᠭᠦᠯᠦᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠪᠣᠭ᠎ᠠ ᠳᠠᠬᠢᠬᠤ᠂ | ᠲᠠᠯ᠎ᠠ ᠨᠤᠲᠤᠭ ᠤᠨ ᠨᠠᠭᠠᠳᠤᠮ ᠵᠡᠷᠭᠡ ᠵᠠᠩ ᠦᠢᠯᠡ ᠶᠢᠨ ᠠᠵᠢᠯᠯᠠᠭ᠎ᠠ ᠶᠢ ᠥᠷᠨᠢᠭᠦᠯᠬᠦ ᠶᠢ ᠳᠠᠮᠵᠢᠨ᠎ᠠ᠃ ᠣᠷᠣᠨ | ᠨᠤᠲᠤᠭ ᠤᠨ ᠨᠡᠷ᠎ᠡ ᠶᠢᠨ ᠣᠶᠢᠯᠠᠯᠭ᠎ᠠ ᠶᠢ ᠨᠠᠶᠢᠷᠠᠭᠤᠯᠤᠨ ᠪᠢᠴᠢᠬᠦ ᠠᠵᠢᠯ ᠢ ᠰᠢᠨᠵᠢᠯᠡᠬᠦ ᠤᠬᠠᠭᠠᠨᠴᠢ᠂ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠤᠨ᠎ᠠ᠃ | ︵ᠨᠠᠢᠮᠠ︶ ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠶ᠎ᠡ ᠵᠣᠬᠢᠴᠠᠩᠭᠤᠶ ᠲᠣᠭᠲᠠᠭᠤᠨ | ᠪᠠᠶᠢᠳᠠᠯ ᠢ ᠪᠥᠬᠦ ᠬᠦᠴᠦᠨ ᠢᠶᠠᠷ ᠢᠶᠠᠨ ᠬᠠᠮᠠᠭᠠᠯᠠᠨ᠎ᠠ | ᠨᠡᠶᠢᠭᠡᠮ ᠤᠨ ᠵᠠᠰᠠᠯᠲᠠ ᠶᠢᠨ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠰᠤᠮᠤ ᠪᠠᠯᠭᠠᠰᠤ᠂ ᠵᠡᠭᠡᠯᠢ ᠭᠤᠳᠤᠮᠵᠢ ᠶᠢᠨ | ᠥᠭᠡᠷᠡᠴᠢᠯᠡᠯᠲᠡ ᠲᠠᠢ ᠤᠶᠠᠯᠳᠤᠭᠤᠯᠤᠨ᠂ ᠨᠡᠶᠢᠭᠡᠮ ᠤᠨ ᠵᠠᠰᠠᠯᠲᠠ ᠶᠢᠨ ᠭᠤᠤᠯᠳᠠᠯᠭ᠎ᠠ ᠶᠢ ᠳᠣᠷᠣᠭᠰᠢ ᠰᠢᠯᠵᠢᠭᠦᠯᠵᠦ᠂ | ᠡᠬᠢ ᠪᠠᠶᠠᠯᠢᠭ ᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠦᠨᠳᠦᠰᠦᠨ ᠱᠠᠲᠤᠨ ᠳᠤ ᠦᠢᠯᠡᠴᠢᠯᠡᠬᠦ᠂ ᠤᠯᠠᠨ | ᠲᠦᠮᠡᠨ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠪᠠᠶᠢᠭᠤᠯᠤᠯ ᠲᠣᠭᠲᠠᠴᠠ ᠶᠢ ᠲᠠᠰᠤᠷᠠᠯᠲᠠ | ᠦᠭᠡᠢ ᠲᠡᠭᠦᠯᠳᠡᠷᠵᠢᠭᠦᠯᠵᠦ᠂ ︽ᠮᠡᠳᠡᠷᠡᠯ ᠤᠨ ᠲᠡᠭᠦᠰᠬᠡᠯ ᠤᠨ ᠴᠡᠭ︾ ᠢ ᠵᠠᠰᠠᠬᠤ ᠠᠵᠢᠯ ᠢ ᠭᠦᠢᠴᠡᠳᠬᠡᠨ᠎ᠡ᠃ ᠣᠢ | ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠪᠠ ᠡᠷᠦᠬᠡ | ᠠᠮᠠ ᠶᠢᠨ ᠳᠠᠩᠰᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠠᠵᠢᠯᠴᠢᠨ ᠤ ᠶᠡᠷᠦᠩᠬᠡᠶ ᠡᠪᠯᠡᠯ᠂ ᠡᠪ | ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ | ᠵᠡᠮᠳᠡᠭᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠶᠢᠨ ᠠᠵᠢᠯ ᠢ ᠢᠳᠡᠪᠬᠢᠲᠡᠢ ᠳᠠᠮᠵᠢᠵᠤ᠂ ᠣᠯᠠᠨ ᠲᠠᠯ᠎ᠠ ᠪᠠᠷ ᠣᠷᠣᠯᠴᠠᠵᠤ᠂ ᠥᠨᠳᠥᠷ | ᠪᠦᠲᠦᠮᠵᠢᠲᠡᠶ ᠬᠠᠮᠵᠢᠯᠴᠠᠵᠤ᠂ ᠬᠠᠮᠲᠤᠷᠠᠯᠴᠠᠨ ᠠᠵᠢᠯᠯᠠᠵᠤ ᠬᠠᠮᠲᠤᠪᠠᠷ ᠵᠠᠰᠠᠭᠰᠠᠨ ᠦᠨᠳᠦᠰᠦᠨ ᠱᠠᠲᠤᠨ ᠤ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠪᠣᠢ ᠪᠣᠯᠭᠠᠨ᠎ᠠ᠃ | ᠭᠤᠤᠯᠳᠠᠯᠭ᠎ᠠ ᠲᠠᠢ ᠬᠦᠷᠢᠶᠡᠨ ᠳᠠᠬᠢ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠰᠢᠨ᠎ᠡ ᠴᠠᠭ ᠦᠶ᠎ᠡ ᠶᠢᠨ ︽ᠹᠧᠩ | ᠴᠢᠶᠣᠤ ᠶᠢᠨ ᠲᠤᠷᠰᠢᠯᠭ᠎ᠠ︾ ᠶᠢ ᠠᠬᠢᠭᠤᠯᠤᠨ ᠬᠥᠭᠵᠢᠭᠦᠯᠵᠦ᠂ ᠴᠢᠬᠤᠯᠠ ᠭᠠᠵᠠᠷ ᠲᠤ ᠬᠦᠴᠦ ᠪᠠᠨ ᠲᠥᠪᠯᠡᠷᠡᠭᠦᠯᠦᠨ | ᠂ ᠰᠢᠢᠳᠪᠦᠷᠢᠯᠡᠬᠦ ᠠᠷᠭ᠎ᠠ ᠵᠠᠮ ᠢ ᠨᠡᠭᠡᠭᠡᠵᠦ᠂ ᠲᠡᠤᠬᠡ ᠶᠢᠨ ᠠᠰᠠᠭᠤᠳᠠᠯ ᠢ ᠰᠢᠢᠳᠪᠦᠷᠢᠯᠡᠬᠦ ᠪᠠ ᠡᠷᠡᠰᠳᠡᠯ ᠢ | ᠰᠡᠷᠭᠡᠶᠢᠯᠡᠨ ᠠᠷᠢᠯᠭᠠᠬᠤ ᠲᠠᠢ ᠤᠶᠠᠯᠳᠤᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠠᠴᠠ | ᠵᠥᠷᠢᠴᠡᠭᠰᠡᠨ ᠠᠰᠠᠭᠤᠳᠠᠯ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ᠂ ᠨᠤᠲᠤᠭ ᠪᠡᠯᠴᠢᠭᠡᠷ ᠵᠡᠷᠭᠡ | ᠨᠡᠶᠢᠭᠡᠮ ᠤᠨ ᠠᠮᠤᠷ ᠲᠣᠭᠲᠠᠭᠤᠨ ᠲᠠᠢ ᠬᠤᠯᠪᠣᠭᠳᠠᠬᠤ ᠲᠡᠤᠬᠡ ᠶᠢᠨ ᠲᠣᠮᠣ ᠠᠰᠠᠭᠤᠳᠠᠯ ᠢ ᠰᠠᠶᠢᠲᠤᠷ ᠰᠢᠢᠳᠪᠦᠷᠢᠯᠡᠵᠦ | ᠂ ᠬᠠᠭᠤᠴᠢᠨ ᠥᠷᠢ ᠶᠢ ᠠᠭᠠᠵᠢᠮ ᠢᠶᠠᠷ ᠲᠥᠯᠥᠬᠦ ᠶᠢᠨ ᠵᠡᠷᠭᠡᠴᠡᠭᠡ᠂ ᠰᠢᠨ᠎ᠡ ᠥᠷᠢ ᠰᠢᠷᠢ ᠭᠠᠷᠭᠠᠬᠤ ᠦᠭᠡᠢ ᠪᠠᠶᠢᠵᠤ | ᠂ ᠠᠷᠠᠳ ᠤᠨ ᠵᠣᠪᠠᠨᠢᠯ ᠢ ᠠᠷᠢᠯᠭᠠᠵᠤ᠂ ᠠᠷᠠᠳ ᠤᠨ ᠪᠤᠬᠢᠨᠢᠳᠤᠯ ᠢ ᠰᠢᠢᠳᠪᠦᠷᠢᠯᠡᠨ᠂ ᠠᠷᠠᠳ ᠤᠨ ᠰᠡᠳᠬᠢᠯ ᠢ | ᠬᠠᠨᠤᠮᠵᠢᠲᠠᠢ ᠪᠣᠯᠭᠠᠨ᠎ᠠ᠃ ︽ᠬᠡᠷᠡᠭ ᠵᠥᠪᠯᠡᠬᠦ ᠬᠤᠷᠠᠯ︾ ᠤᠨ ᠲᠦᠷᠢᠮ ᠢ ᠬᠡᠷᠡᠭᠵᠢᠭᠦᠯᠵᠦ᠂ ᠠᠵᠢᠯ ᠤᠨ ᠦᠷ᠎ᠡ | ᠪᠦᠲᠦᠮᠵᠢ ᠶᠢ ᠳᠡᠭᠡᠭᠰᠢᠯᠡᠭᠦᠯᠦᠨ᠂ ᠰᠢᠢᠳᠪᠦᠷᠢᠲᠦ ᠪᠤᠳᠤᠯᠭ᠎ᠠ ᠶᠢᠨ ᠠᠯᠳᠠᠰᠢ ᠭᠠᠷᠬᠤ ᠠᠴᠠ ᠴᠢᠩᠭ᠎ᠠ ᠰᠡᠷᠭᠡᠶᠢᠯᠡᠨ᠎ᠡ᠃ | ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠴᠢᠩᠭᠠᠳᠬᠠᠨ᠎ᠠ᠃ ᠠᠶᠤᠯᠭᠦᠶ ᠦᠢᠯᠡᠳᠪᠦᠷᠢᠯᠡᠯ ᠤᠨ | ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠭᠡᠶᠢᠯᠡᠵᠦ | ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠶᠤᠯᠭᠦᠶ ᠦᠢᠯᠡᠳᠪᠦᠷᠢᠯᠡᠯ ᠢ ᠲᠤᠰᠬᠠᠶ ᠲᠥᠷᠥᠯ ᠢᠶᠠᠷ ᠵᠠᠰᠠᠨ ᠴᠡᠭᠴᠡᠯᠡᠬᠦ ᠭᠤᠷᠪᠠᠨ ᠵᠢᠯ ᠤᠨ | ᠠᠵᠢᠯᠯᠠᠭ᠎ᠠ ᠶᠢ ᠰᠠᠶᠢᠲᠤᠷ ᠥᠷᠨᠢᠭᠦᠯᠦᠨ᠂ ᠠᠶᠤᠯᠲᠠᠶ ᠬᠢᠮᠢ ᠶᠢᠨ ᠪᠣᠳᠠᠰ᠂ ᠵᠠᠮ ᠲᠡᠭᠡᠭᠡᠪᠦᠷᠢ᠂ ᠦᠢᠯᠡᠳᠪᠦᠷᠢ | ᠠᠭᠤᠷᠬᠠᠶ ᠠᠷᠠᠯᠵᠢᠶ᠎ᠠ ᠬᠤᠳᠠᠯᠳᠤᠭ᠎ᠠ ᠵᠡᠷᠭᠡ ᠬᠦᠷᠢᠶ᠎ᠡ ᠴᠠᠷᠠᠭ᠎ᠠ ᠶᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯ ᠢ | ᠰᠠᠶᠢᠲᠤᠷ ᠬᠢᠵᠦ᠂ ᠬᠤᠰᠢᠭᠤᠨ ᠤ ᠠᠮᠤᠷ ᠠᠮᠤᠭᠤᠯᠠᠩ ᠲᠣᠭᠲᠠᠭᠤᠨ ᠰᠠᠶᠢᠬᠠᠨ ᠢ ᠪᠠᠲᠤᠯᠠᠨ᠎ᠠ᠃ ᠦᠶᠡᠷ ᠪᠠ | ᠭᠠᠩ ᠤᠨ ᠭᠠᠮᠰᠢᠭ ᠤᠨ ᠰᠤᠳᠤᠯᠭ᠎ᠠ ᠪᠠ ᠰᠡᠷᠭᠡᠶᠢᠯᠡᠨ ᠬᠤᠷᠢᠭᠯᠠᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠥᠷᠥᠯ | ᠵᠦᠢᠯ ᠤᠨ ᠪᠡᠯᠡ ᠮᠥᠩᠭᠦ ᠶᠢ ᠡᠷᠡᠮᠡᠯᠵᠡᠯᠡᠨ ᠣᠯᠵᠤ᠂ ᠦᠶᠡᠷ ᠪᠠ ᠭᠠᠩ ᠤᠨ ᠭᠠᠮᠰᠢᠭ ᠠᠴᠠ ᠤᠷᠢᠳᠴᠢᠯᠠᠨ | ᠰᠡᠷᠭᠡᠶᠢᠯᠡᠵᠦ ᠪᠠᠴᠢᠮ ᠪᠠᠶᠢᠳᠠᠯ ᠢ ᠠᠷᠭᠠᠴᠠᠭᠠᠬᠤ ᠢᠨᠵᠧᠨᠧᠷᠢᠩ ᠢ ᠬᠡᠷᠡᠭᠵᠢᠭᠦᠯᠵᠦ᠂ ᠭᠠᠮᠰᠢᠭ ᠤᠨ ᠬᠤᠬᠢᠷᠠᠯ ᠢ | ᠬᠠᠮᠤᠭ ᠤᠨ ᠶᠡᠬᠡᠪᠡᠷ ᠪᠠᠭᠠᠰᠬᠠᠨ᠎ᠠ᠃ ᠴᠢᠨᠠᠷᠯᠢᠭ ᠬᠥᠭᠵᠢᠯ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠠᠵᠢᠯ ᠢ | ᠦᠷᠭᠦᠯᠵᠢᠯᠡᠨ ᠶᠠᠪᠤᠭᠳᠠᠭᠤᠯᠵᠤ᠂ ᠢᠳᠡᠭᠡᠨ ᠪᠠ ᠡᠮ ᠤᠨ ᠲᠥᠷᠥᠯ ᠤᠨ ᠠᠶᠦᠯᠭᠦᠢ ᠶᠢᠨ ᠲᠠᠯ᠎ᠠ ᠪᠠᠷ ᠬᠢ ︽ | ᠬᠠᠮᠤᠭ ᠤᠨ ᠴᠢᠩᠭ᠎ᠠ ᠳᠥᠷᠪᠡᠨ ᠪᠠᠷᠢᠮᠵᠢᠶ᠎ᠠ︾ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠴᠤᠭᠯᠠᠭ᠎ᠠ ᠮᠠᠶᠢᠮᠠᠶ ᠶᠢᠨ | ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠲᠠᠯᠠᠪᠤᠷ᠂ ᠰᠤᠷᠭᠠᠭᠤᠯᠢ ᠶᠢᠨ ᠬᠤᠭᠤᠯᠠᠨ ᠤ ᠭᠠᠵᠠᠷ ᠵᠡᠷᠭᠡ | ᠰᠠᠯᠪᠤᠷᠢ ᠨᠤᠭᠤᠳ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠠᠮᠤᠷ ᠲᠣᠭᠲᠠᠭᠤᠨ ᠬᠠᠯᠬᠠᠪᠴᠢ ᠶᠢ ᠪᠠᠬᠢᠵᠢᠭᠦᠯᠦᠨ᠎ᠡ᠃ ᠨᠡᠶᠢᠭᠡᠮ ᠤᠨ ᠠᠮᠤᠷ ᠢ ᠬᠠᠮᠠᠭᠠᠯᠠᠵᠤ ᠰᠡᠷᠭᠡᠶᠢᠯᠡᠨ | ᠬᠢᠵᠠᠭᠠᠷᠯᠠᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ︽ᠵᠢᠷᠭᠤᠭ᠎ᠠ ᠶᠢ ᠠᠷᠢᠯᠭᠠᠬᠤ︾ | ᠠᠵᠢᠯᠯᠠᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠬᠦᠷᠢᠶᠡᠨ ᠳᠠᠬᠢ ᠵᠠᠮᠪᠠᠷᠠᠭ᠎ᠠ ᠥᠬᠡᠶ | ᠦᠵᠡᠭᠳᠡᠯ ᠢ ᠵᠠᠰᠠᠨ ᠴᠡᠭᠴᠡᠯᠡᠬᠦ ᠶᠢ ᠦᠷᠭᠦᠯᠵᠢᠯᠡᠨ ᠴᠢᠩᠭᠠᠳᠬᠠᠵᠤ᠂ ᠬᠠᠤᠯᠢ ᠠᠴᠠ ᠵᠥᠷᠢᠴᠡᠭᠰᠡᠨ ᠦᠢᠯᠡ | ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠣᠷᠳᠣ | ᠬᠤᠭᠤᠴᠠᠭᠠᠨ ᠤ ᠪᠦᠲᠦᠮᠵᠢᠲᠡᠶ ᠪᠥᠭᠡᠳ ᠪᠠᠶᠢᠩᠭᠤ ᠶᠢᠨ ᠵᠠᠰᠠᠯᠲᠠ ᠶᠢᠨ ᠲᠣᠭᠲᠠᠴᠠ ᠶᠢ ᠪᠤᠢ ᠪᠣᠯᠭᠠᠨ᠎ᠠ᠃ ︽ | ᠣᠶᠣᠨᠴᠢ ᠳᠣᠲᠣᠭᠠᠳᠤ ᠶᠢ ᠬᠠᠮᠠᠭᠠᠯᠠᠬᠤ︾ ᠪᠠᠶᠢᠭᠤᠯᠤᠯᠲᠠ ᠶᠢ ᠠᠬᠢᠭᠤᠯᠵᠤ᠂ ︽ᠭᠤᠷᠪᠠ ᠳᠤ ᠴᠣᠬᠢᠯᠲᠠ ᠥᠭᠴᠦ | ᠨᠢᠭᠡ ᠶᠢ ᠵᠠᠰᠠᠨ ᠴᠡᠭᠴᠡᠯᠡᠬᠦ︾᠂ ᠫᠤᠤ ᠰᠤᠮᠤ ᠶᠢ ᠬᠤᠷᠢᠶᠠᠮᠵᠢᠯᠠᠵᠤ ᠳᠡᠯᠪᠡᠷᠡᠬᠦ ᠪᠣᠳᠠᠰ ᠢ ᠴᠡᠭᠴᠡᠯᠡᠬᠦ᠂ ᠱᠠᠯᠢᠭ | ᠵᠠᠪᠬᠠᠢ ᠵᠦᠢᠯ ᠢ ᠠᠷᠢᠯᠭᠠᠵᠤ ᠬᠤᠣᠷ ᠢ ᠠᠷᠢᠯᠭᠠᠬᠤ ᠵᠡᠷᠭᠡ ᠲᠤᠰᠬᠠᠢ ᠠᠵᠢᠯᠯᠠᠭ᠎ᠠ ᠶᠢ ᠥᠷᠨᠢᠭᠦᠯᠦᠨ᠎ᠡ᠃ ᠬᠠᠮ | ᠵᠠᠭᠤᠴᠢᠯᠠᠭᠤᠷ ᠤᠨ ᠲᠥᠪ ᠪᠠ ᠰᠦᠯᠵᠢᠶᠡᠨ ᠤ ᠠᠶᠦᠯᠭᠦᠢ ᠶᠢᠨ ᠪᠠᠶᠢᠭᠤᠯᠤᠯᠲᠠ ᠶᠢ ᠠᠬᠢᠭᠤᠯᠤᠨ᠎ᠠ᠃ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ᠂ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠪᠠᠲᠤᠲᠠᠢ ᠥᠷᠨᠢᠭᠦᠯᠵᠦ᠂ | ᠦᠨᠳᠦᠰᠦᠲᠡᠨ ᠱᠠᠰᠢᠨ ᠰᠤᠷᠲᠠᠬᠤᠨ ᠪᠠ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠢ ᠬᠠᠤᠯᠢ ᠳᠦᠷᠢᠮ ᠤᠨ | ᠳᠠᠭᠠᠤ ᠵᠣᠬᠢᠴᠠᠭᠤᠯᠤᠨ᠎ᠠ᠃ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠵᠣᠬᠢᠶᠠᠨ ᠪᠠᠶᠢᠭᠤᠯᠤᠯᠲᠠ᠂ ᠠᠵᠤ | ᠠᠬᠤᠶ ᠶᠢᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠵᠢᠯᠣᠭᠤᠳᠣᠯᠭ᠎ᠠ ᠪᠠ | ᠬᠠᠮᠢᠶᠠᠷᠤᠯᠲᠠ ᠶᠢ ᠴᠢᠩᠭᠠᠳᠬᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ | ᠬᠠᠮᠲᠤᠪᠠᠷ ᠪᠠᠬᠢᠵᠢᠭᠦᠯᠦᠨ᠎ᠡ᠃ | |