| | ᠭᠤᠷᠪᠠ᠂ ᠬᠤᠯᠪᠣᠭᠳᠠᠯ ᠪᠦᠬᠦᠢ ᠨᠡᠷᠡᠰ ᠤᠨ ᠲᠠᠶᠢᠯᠪᠤᠷᠢᠯᠠᠯᠲᠠ | ︵ᠨᠢᠭᠡ︶ ︽ᠳᠥᠷᠪᠡᠨ ᠤᠬᠠᠮᠰᠠᠷ︾᠄ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ | ᠭᠤᠤᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ᠃ | ︵ᠬᠤᠶᠠᠷ︶ ︽ᠲᠦᠷᠪᠡᠨ ᠢᠲᠡᠭᠡᠯ︾᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠤᠨᠤᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ᠃ | ︵ᠭᠤᠷᠪᠠ︶ ︽ᠬᠤᠶᠠᠷ ᠢ ᠬᠠᠮᠠᠭᠠᠯᠠᠬᠤ︾᠄ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ | ᠭᠤᠣᠯᠯᠠᠭᠴᠢ ᠪᠠᠶᠢᠷᠢ ᠰᠠᠭᠤᠷᠢ ᠪᠠ ᠪᠦᠬᠦ ᠨᠠᠮ ᠤᠨ ᠭᠤᠣᠯᠯᠠᠭᠴᠢ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ | ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ | ᠬᠠᠮᠠᠭᠠᠯᠠᠬᠤ ᠪᠣᠯᠤᠨ᠎ᠠ᠃ | ︵ᠳᠥᠷᠪᠡ︶ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾᠄ ᠬᠥᠳᠡᠭᠡ ᠲᠣᠰᠬᠤᠨ ᠤ ᠶᠠᠳᠠᠭᠤ | ᠬᠦᠴᠢᠷᠳᠡᠯᠲᠡᠢ ᠬᠥᠮᠥᠰ ᠤᠨ ᠢᠳᠡᠬᠦ᠂ ᠡᠮᠦᠰᠬᠦ ᠳᠤ ᠵᠣᠪᠠᠭ᠋ᠤ ᠥᠬᠡᠶ ᠪᠠᠶᠢᠬᠤ ᠶᠢ ᠲᠣᠭᠲᠠᠪᠤᠷᠢᠲᠠᠢ ᠪᠠᠷ ᠪᠡᠶᠡᠯᠡᠭᠦᠯᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ᠂ ᠦᠨᠳᠦᠰᠦᠨ ᠡᠮ ᠡᠮᠨᠡᠯᠭᠡ ᠪᠣᠯᠤᠨ ᠣᠷᠣᠨ ᠰᠠᠭᠤᠴᠠ ᠶᠢᠨ ᠠᠮᠤᠷ | ᠲᠦᠪᠰᠢᠨ ᠢ ᠪᠠᠲᠤᠯᠠᠭ᠎ᠠ ᠲᠠᠢ ᠪᠣᠯᠭᠠᠨ᠎ᠠ᠃ | ︵ᠲᠠᠪᠤ︶ ︽ᠤᠷᠠᠬᠠᠳᠠᠬᠤ ᠵᠢᠭᠡᠯᠡᠯᠭᠡ︾᠄ ᠵᠣᠭᠤᠰ ᠵᠢᠭᠡᠯᠡᠬᠦ ᠨᠡᠷ᠎ᠡ ᠪᠠᠷ ᠬᠤᠬᠢᠷᠠᠭᠴᠢ ᠶᠢᠨ ᠵᠣᠭᠤᠰ ᠮᠥᠩᠭᠦ ᠡᠳ᠋ | ᠪᠣᠳᠠᠰ ᠢ ᠬᠠᠤᠯᠢ ᠪᠤᠰᠤ ᠪᠠᠷ ᠡᠵᠡᠯᠡᠨ ᠠᠪᠬᠤ ᠵᠣᠷᠢᠯᠭ᠎ᠠ ᠲᠠᠢ ᠪᠠᠷ ᠮᠡᠬᠡᠯᠡᠯ ᠤᠨ ᠤᠷᠠᠬ᠎ᠠ ᠭᠠᠷᠭᠠᠵᠤ᠂ ᠤᠷᠢᠳᠴᠢᠯᠠᠨ | ᠬᠤᠤᠪᠢᠯᠳᠤᠵᠤ᠂ ᠲᠥᠯᠥᠪᠯᠡᠭᠡ ᠲᠠᠢ ᠪᠠᠷ ᠵᠣᠭᠤᠰ ᠮᠥᠩᠭᠦ ᠡᠳ᠋ ᠪᠣᠳᠠᠰ ᠢ ᠨᠢ ᠮᠡᠬᠡᠯᠡᠬᠦ ᠶᠠᠯᠠᠲᠤ ᠠᠵᠢᠯᠯᠠᠭ᠎ᠠ ᠶᠢ | ᠬᠡᠯᠡᠨ᠎ᠡ᠃ | ︵ᠵᠢᠷᠭᠤᠭ᠎ᠠ︶ ︽ᠨᠣᠭᠤᠭᠠᠨ ᠪᠠᠮᠪᠠᠶ︾ ᠶᠢᠨ ᠠᠵᠢᠯᠯᠠᠭ᠎ᠠ᠄ ᠠᠮᠢ ᠠᠬᠤᠶ ᠶᠢᠨ ᠣᠷᠴᠢᠨ ᠲᠣᠭᠤᠷᠢᠨ ᠤ ᠶᠠᠮᠤᠨ᠂ | ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠭᠯᠠᠯᠲᠠ ᠶᠢᠨ ᠶᠠᠮᠤᠨ᠂ ᠤᠯᠤᠰ ᠤᠨ ᠣᠶ ᠰᠢᠭᠤᠶ ᠪᠠ | ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠲᠤᠯᠤᠭᠠᠨ ᠰᠠᠯᠠᠭ᠎ᠠ ᠮᠥᠴᠢᠷ ᠬᠠᠮᠲᠤᠷᠠᠨ ᠥᠷᠨᠢᠭᠦᠯᠦᠭᠰᠡᠨ ᠲᠤᠰᠬᠠᠶ | ᠠᠵᠢᠯᠯᠠᠭ᠎ᠠ᠃ | ︵ᠲᠤᠯᠤᠭ᠎ᠠ︶ ᠭᠤᠣᠯ ᠤᠨ ᠲᠠᠩ ᠤᠨ ︽ᠳᠥᠷᠪᠡ ᠶᠢ ᠴᠡᠪᠡᠷᠯᠡᠬᠦ︾ ᠠᠵᠢᠯᠯᠠᠭ᠎ᠠ ᠭᠡᠳᠡᠭ ᠨᠢ᠄ ᠳᠠᠷᠣᠢ ᠳᠤᠷ᠎ᠠ ᠪᠠᠷ | ᠡᠵᠡᠯᠡᠬᠦ᠂ ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ ᠵᠡᠷᠭᠡ ᠶᠢ ᠴᠡᠭᠴᠡᠯᠡᠨ | ᠵᠠᠰᠠᠬᠤ ᠶᠢ ᠬᠡᠯᠡᠨ᠎ᠡ᠃ | ︵ᠨᠠᠢᠮᠨ︶ ︽ᠵᠣᠷᠯᠣᠩ ᠤᠨ ᠥᠭᠡᠷᠡᠴᠢᠯᠡᠯᠲᠡ︾᠄ ᠪᠡᠶ᠎ᠡ ᠵᠠᠰᠠᠬᠤ ᠭᠠᠵᠠᠷ ︵ᠥᠷᠥᠭᠡ︶ ᠢ ᠥᠭᠡᠷᠡᠴᠢᠯᠡᠬᠦ ᠠᠷᠭ᠎ᠠ | ᠬᠡᠮᠵᠢᠶ᠎ᠡ᠃ | ︵ᠶᠢᠰᠦ︶ ︽ᠪᠢᠴᠢᠯ ᠴᠡᠴᠡᠷᠯᠢᠭ︾᠄ ᠪᠠᠭ᠎ᠠ ᠬᠡᠰᠡᠭ ᠭᠠᠵᠠᠷ ᠢ ᠴᠡᠴᠡᠷᠯᠢᠭᠵᠢᠭᠦᠯᠵᠦ᠂ ᠠᠮᠠᠷᠠᠬᠤ ᠰᠠᠨᠳᠠᠯᠢ ᠵᠡᠷᠭᠡ | ᠳᠥᠭᠦᠮ ᠦᠢᠯᠡᠴᠢᠯᠡᠭᠡᠨ ᠤ ᠲᠥᠬᠦᠭᠡᠷᠦᠮᠵᠢ ᠶᠢ ᠬᠠᠩᠭᠠᠨ᠎ᠠ᠃ ᠬᠤᠲᠠ ᠶᠢᠨ ᠳᠣᠲᠣᠷᠠᠬᠢ ᠪᠠᠭ᠎ᠠ ᠬᠡᠮᠵᠢᠶᠡᠨ ᠤ ᠵᠦᠯᠭᠡ | ᠂ ᠪᠠᠭ᠎ᠠ ᠬᠡᠮᠵᠢᠶᠡᠨ ᠤ ᠴᠡᠴᠡᠷᠯᠢᠭ᠂ ᠵᠡᠭᠡᠯᠢ ᠶᠢᠨ ᠳᠤᠮᠳᠠᠬᠢ ᠴᠡᠴᠡᠷᠯᠢᠭ᠂ ᠨᠡᠶᠢᠭᠡᠮ ᠲᠣᠭᠤᠷᠢᠭ ᠤᠨ ᠪᠢᠴᠢᠯ | ᠲᠠᠮᠢᠷ ᠤᠨ ᠲᠠᠯᠠᠪᠤᠷ ᠵᠡᠷᠭᠡ ᠪᠠᠭᠲᠠᠨ᠎ᠠ᠃ | ︵ᠠᠷᠪᠠ︶ ︽ᠬᠤᠶᠠᠷ ᠢ ᠨᠡᠪᠲᠡᠷᠡᠭᠦᠯᠬᠦ︾ ᠬᠠᠷᠠᠯᠲᠠ᠄ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ᠂ | ᠠᠶᠠᠨᠴᠢᠳ ᠤᠨ ᠮᠠᠰᠢᠨ ᠨᠡᠪᠲᠡᠷᠡᠭᠦᠯᠦᠨ᠎ᠡ᠃ | ︵ᠠᠷᠪᠠᠨ ᠨᠢᠭᠡ︶ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ᠄ ᠵᠠᠰᠠᠭ ᠢ ᠴᠣᠮᠬᠠᠳᠬᠠᠨ ᠡᠷᠬᠡ ᠶᠢ | ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ | ᠲᠤᠬᠠᠶ ᠲᠣᠪᠴᠢ ᠨᠡᠷᠡᠶᠢᠳᠦᠯ᠃ | ︵ᠠᠷᠪᠠᠨ ᠬᠤᠶᠠᠷ︶ ︽ᠲᠤᠰᠬᠠᠶᠢᠵᠢᠭᠰᠠᠨ᠂ ᠨᠠᠷᠢᠨ ᠮᠡᠷᠭᠡᠵᠢᠯ ᠲᠠᠢ᠂ ᠥᠪᠡᠷ ᠤᠨ ᠣᠨᠴᠠᠯᠢᠭ ᠲᠠᠢ᠂ ᠰᠢᠨ᠎ᠡ | ᠡᠭᠦᠳᠦᠯᠲᠡ ᠲᠠᠢ︾ ᠠᠵᠤ ᠠᠬᠤᠶᠢᠯᠠᠯ᠄ ᠲᠤᠬᠠᠶᠢᠯᠠᠭᠰᠠᠨ ᠠᠵᠢᠯ ᠳᠠᠭᠠᠨ ᠠᠩᠬᠠᠷᠤᠯ ᠢᠶᠠᠨ ᠲᠥᠪᠯᠡᠷᠡᠭᠦᠯᠵᠦ᠂ | ᠲᠤᠰᠬᠠᠶᠢᠵᠢᠭᠰᠠᠨ ᠦᠢᠯᠡᠳᠪᠦᠷᠢᠯᠡᠯ᠂ ᠦᠢᠯᠡᠴᠢᠯᠡᠭᠡ ᠪᠠ ᠬᠠᠮᠵᠢᠯᠴᠠᠨ ᠢᠵᠢ ᠪᠦᠷᠢᠳᠦᠭᠦᠯᠬᠦ ᠴᠢᠳᠠᠪᠤᠷᠢ ᠪᠠᠨ | ᠳᠡᠭᠡᠭᠰᠢᠯᠡᠭᠦᠯᠦᠨ᠎ᠡ︔ ᠠᠵᠤ ᠠᠬᠤᠶᠢᠯᠠᠯ ᠢ ᠨᠠᠷᠢᠯᠢᠬᠵᠢᠭᠤᠯᠤᠨ ᠦᠢᠯᠡᠳᠪᠦᠷᠢᠯᠡᠬᠦ᠂ ᠨᠠᠷᠢᠯᠢᠬᠵᠢᠭᠤᠯᠤᠨ ᠬᠠᠮᠢᠶᠠᠷᠬᠤ | ᠪᠠ ᠨᠠᠷᠢᠯᠢᠭᠵᠢᠭᠤᠯᠤᠭᠰᠠᠨ ᠦᠢᠯᠡᠴᠢᠯᠡᠭᠡ︔ ᠣᠨᠴᠠᠯᠢᠭᠲᠤ ᠡᠬᠢ ᠪᠠᠶᠠᠯᠢᠭ ᠢᠶᠠᠨ ᠠᠰᠢᠭᠯᠠᠵᠤ᠂ ᠤᠯᠠᠮᠵᠢᠯᠠᠯᠲᠤ | ᠤᠷ᠎ᠠ ᠮᠡᠷᠭᠡᠰᠢᠯ ᠪᠠ ᠭᠠᠵᠠᠷ ᠣᠷᠣᠨ ᠤ ᠰᠣᠶᠣᠯ ᠢ ᠪᠠᠳᠠᠷᠠᠭᠤᠯᠤᠨ᠂ ᠥᠪᠡᠷᠮᠢᠴᠡ ᠭᠠᠷ ᠤᠷᠠᠯᠠᠯ᠂ ᠮᠡᠷᠭᠡᠵᠢᠯ᠂ | ᠨᠠᠶᠢᠷᠠᠯᠭ᠎ᠠ ᠪᠤᠶᠤ ᠲᠦᠭᠦᠬᠡᠶ ᠮᠠᠲ᠋ᠧᠷᠢᠶᠠᠯ ᠢ ᠠᠰᠢᠭᠯᠠᠨ᠂ ᠣᠷᠣᠨ ᠨᠤᠲᠤᠭ ᠤᠨ ᠪᠤᠶᠤ ᠠᠵᠤ ᠠᠬᠤᠶᠢᠯᠠᠯ ᠤᠨ | ᠣᠨᠴᠠᠯᠢᠭ ᠲᠠᠢ ᠦᠢᠯᠡᠳᠬᠦᠨ ᠢ ᠰᠤᠳᠤᠯᠤᠨ ᠦᠢᠯᠡᠳᠪᠦᠷᠢᠯᠡᠨ᠎ᠡ︔ ᠮᠡᠷᠭᠡᠵᠢᠯ ᠤᠨ ᠰᠢᠨ᠎ᠡ ᠶᠢ ᠡᠭᠦᠳᠬᠦ᠂ | ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠪᠠ ᠬᠤᠳᠠᠯᠳᠤᠭᠠᠨ ᠤ ᠬᠡᠪ ᠵᠠᠭᠪᠤᠷ ᠤᠨ ᠰᠢᠨ᠎ᠡ ᠶᠢ ᠡᠭᠦᠳᠬᠦ ᠶᠢ | ᠥᠷᠨᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠢ ᠪᠣᠯᠭᠠᠵᠤ᠂ ᠰᠢᠨ᠎ᠡ ᠥᠷᠢᠰᠥᠯᠳᠦᠭᠡᠨ ᠤ ᠳᠠᠪᠠᠭᠤᠯᠢᠭ ᠢ ᠪᠤᠢ | ᠪᠣᠯᠭᠠᠨ᠎ᠠ᠃ | ︵ᠠᠷᠪᠠᠨ ᠭᠤᠷᠪᠠ︶ ︽ᠵᠠᠰᠠᠭ ᠠᠴᠠ ᠳᠠᠭᠠᠭᠠᠨ ᠲᠤᠰᠠᠯᠠᠬᠤ ᠵᠢᠭᠡᠯᠡᠯᠭᠡ︾᠄ ᠣᠷᠣᠨ ᠨᠤᠲᠤᠭ ᠤᠨ ᠵᠠᠰᠠᠭ ᠤᠨ | ᠣᠷᠳᠣᠨ ᠪᠣᠯᠤᠨ ᠪᠠᠩᠬᠢ ᠠᠴᠠ ᠬᠠᠮᠲᠤᠪᠠᠷ ᠠᠵᠤ ᠠᠬᠤᠶᠢᠯᠠᠯ ᠢ ᠰᠢᠯᠢᠨ ᠰᠣᠩᠭᠤᠵᠤ ︽ᠳᠤᠮᠳᠠ ᠵᠢᠵᠢᠭ ᠪᠢᠴᠢᠯ | ᠠᠵᠤ ᠠᠬᠤᠶᠢᠯᠠᠯ ᠤᠨ ᠵᠢᠭᠡᠯᠡᠯᠭᠡ ᠬᠤᠷᠠᠮᠳᠤᠭᠤᠯᠭ᠎ᠠ︾ ᠶᠢ ᠪᠦᠷᠢᠯᠳᠦᠭᠦᠯᠦᠨ᠎ᠡ᠃ ᠵᠠᠰᠠᠭ ᠤᠨ ᠣᠷᠳᠣᠨ ᠤ | ᠬᠠᠩᠭᠠᠭᠰᠠᠨ ᠡᠷᠡᠰᠳᠡᠯ ᠤᠨ ᠨᠥᠬᠦᠪᠥᠷᠢ ᠮᠥᠩᠭᠦ ᠪᠣᠯᠤᠨ ᠠᠵᠤ ᠠᠬᠤᠶᠢᠯᠠᠯ ᠤᠨ ᠲᠤᠰᠢᠶᠠᠭᠰᠠᠨ ᠮᠥᠩᠭᠦ ᠶᠢ | ᠬᠠᠮᠲᠤ ᠳᠤᠨᠢ ︽ᠵᠠᠰᠠᠭ ᠠᠴᠠ ᠳᠠᠭᠠᠭᠠᠨ ᠲᠤᠰᠠᠯᠠᠬᠤ ᠬᠤᠷᠠᠮᠳᠤᠭᠤᠯᠭ᠎ᠠ︾ ᠶᠢ ᠪᠦᠷᠢᠯᠳᠦᠭᠦᠯᠦᠨ ᠡᠷᠡᠰᠳᠡᠯ ᠢ | ᠪᠠᠭᠠᠰᠬᠠᠬᠤ ᠢᠲᠡᠭᠡᠮᠵᠢᠲᠦ ᠵᠢᠭᠡᠯᠡᠯᠭᠡ ᠶᠢᠨ ᠲᠥᠷᠥᠯ᠃ | ︵ᠠᠷᠪᠠᠨ ᠳᠥᠷᠪᠡ︶ ᠵᠡᠮᠳᠡᠭᠴᠦᠳ ᠤᠨ ︽ᠬᠤᠶᠠᠷ ᠨᠥᠬᠦᠪᠥᠷᠢ︾᠄ ᠬᠦᠴᠢᠷᠳᠡᠯᠲᠡᠶ ᠵᠡᠮᠳᠡᠭᠴᠦᠳ ᠤᠨ | ᠠᠮᠢᠳᠤᠷᠠᠯ ᠤᠨ ᠨᠥᠬᠦᠪᠥᠷᠢ ᠪᠣᠯᠤᠨ ᠬᠦᠨᠳᠦ ᠬᠡᠮᠵᠢᠶᠡᠨ ᠤ ᠵᠡᠮᠳᠡᠭᠴᠦᠳ ᠤᠨ ᠰᠤᠪᠢᠯᠠᠯᠲᠠ ᠶᠢᠨ ᠨᠥᠬᠦᠪᠥᠷᠢ᠃ | ︵ᠠᠷᠪᠠᠨ ᠲᠠᠪᠤ︶ ︽1+8+N︾᠄ 1 ᠨᠠᠮ ᠪᠠ ᠣᠯᠠᠨ ᠲᠦᠮᠡᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ | + 8 ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ + ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ | ᠨᠠᠮ ᠪᠠ ᠣᠯᠠᠨ ᠲᠦᠮᠡᠨ ᠤ ᠨᠢᠭᠡ ᠴᠣᠭᠴᠠᠵᠢᠭᠰᠠᠨ ᠭᠤᠷᠪᠠᠨ ᠱᠠᠲᠤᠨ ᠤ ᠬᠠᠮᠲᠤᠷᠠᠨ ᠠᠵᠢᠯᠯᠠᠬᠤ ᠠᠷᠭ᠎ᠠ ᠠᠪᠴᠠᠯ᠃ | | ︵ᠠᠷᠪᠠᠨ ᠵᠢᠷᠭᠤᠭ᠎ᠠ︶ ︽ᠹᠧᠩ ᠴᠢᠶᠣᠤ ᠮᠠᠶ᠋ᠢᠭ︾ ᠤᠨ ᠲᠣᠮᠢᠯᠠᠭᠰᠠᠨ ᠰᠠᠯᠪᠤᠷᠢ᠄ ᠶᠡᠷᠦᠩᠬᠡᠢ ᠱᠦᠵᠢ ᠰᠢ ᠶᠢᠨ | ᠫᠢᠩ ᠤᠨ ︽︿ᠹᠧᠩ ᠴᠢᠶᠣᠤ ᠶᠢᠨ ᠲᠤᠷᠰᠢᠯᠭ᠎ᠠ﹀ ᠶᠢ ᠰᠠᠶᠢᠲᠤᠷ ᠪᠠᠷᠢᠮᠲᠠᠯᠠᠵᠤ᠂ ᠰᠠᠶᠢᠲᠤᠷ ᠬᠥᠭᠵᠢᠭᠦᠯᠵᠦ᠂ | ᠨᠠᠮ ᠤᠨ ᠣᠯᠠᠨ ᠲᠦᠮᠡᠨᠴᠢ ᠱᠤᠭᠤᠮ ᠢ ᠰᠠᠶᠢᠲᠤᠷ ᠪᠠᠷᠢᠮᠲᠠᠯᠠᠨ᠂ ᠰᠠᠶᠢᠲᠤᠷ ᠲᠤᠤᠱᠯᠠᠭᠤᠯᠬᠤ︾ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾ ᠶᠢ ᠶᠡᠬᠡᠪᠡᠷ | ᠬᠥᠭᠵᠢᠭᠦᠯᠵᠦ᠂ ᠠᠷᠠᠳ ᠤᠨ ᠴᠠᠭᠳᠠᠭ᠎ᠠ ᠨᠠᠷ ᠤᠨ ᠠᠷᠠᠳ ᠤᠨ ᠲᠥᠯᠥᠭᠡ ᠭᠡᠰᠡᠨ ᠤᠭ ᠰᠠᠨᠠᠭ᠎ᠠ ᠡᠭᠦᠷᠭᠡ | ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠠᠮᠤᠷ ᠲᠣᠭᠲᠠᠭᠤᠨ ᠤᠯᠤᠰ ᠲᠦᠷᠦ ᠨᠡᠶᠢᠭᠡᠮ ᠤᠨ ᠣᠷᠴᠢᠨ | ᠨᠥᠬᠦᠴᠡᠯ ᠢ ᠪᠤᠢ ᠪᠣᠯᠭᠠᠨ᠎ᠠ᠃ ᠦᠨᠳᠦᠰᠦᠨ ᠱᠠᠲᠤᠨ ᠤ ᠲᠣᠮᠢᠯᠠᠭᠰᠠᠨ ᠰᠠᠯᠪᠤᠷᠢ ᠵᠥᠷᠢᠴᠡᠯ ᠢ ᠳᠡᠭᠡᠭᠰᠢ ᠲᠤᠰᠢᠶᠠᠬᠤ | ᠦᠭᠡᠢ᠂ ᠠᠮᠤᠷ ᠲᠦᠪᠰᠢᠨ ᠤ ᠤᠴᠢᠷ ᠭᠠᠷᠭᠠᠬᠤ ᠦᠭᠡᠢ᠂ ᠦᠢᠯᠡᠴᠢᠯᠡᠭᠡ ᠳᠤᠲᠠᠭᠳᠠᠭᠤᠯᠬᠤ ᠦᠭᠡᠢ ᠪᠠᠶᠢᠬᠤ ᠶᠢ | ᠴᠢᠷᠮᠠᠶᠢᠨ ᠪᠡᠶᠡᠯᠡᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ | ᠲᠦᠪᠰᠢᠨ ᠤ ᠲᠥᠷᠥᠭᠳᠡᠯ ᠢ ᠨᠡᠮᠡᠭᠳᠡᠭᠦᠯᠦᠨ᠎ᠡ᠃ | ︵ᠠᠷᠪᠠᠨ ᠳᠣᠯᠤᠭ᠎ᠠ︶ ᠲᠠᠯ᠎ᠠ ᠨᠤᠲᠤᠭ ᠤᠨ ︽ᠳᠤᠭᠤᠶᠢᠯᠠᠩ︾᠄ ︽ᠳᠤᠭᠤᠶᠢᠯᠠᠩ︾ ᠨᠢ ᠣᠷᠣᠨ ᠨᠤᠲᠤᠭ ᠤᠨ | ᠨᠠᠮ ᠤᠨ ᠬᠤᠷᠢᠶ᠎ᠠ ᠵᠠᠰᠠᠭ ᠤᠨ ᠣᠷᠳᠣᠨ ᠢᠶᠠᠷ ᠲᠦᠰᠢᠭ ᠪᠣᠯᠭᠠᠵᠤ᠂ ᠬᠦᠳᠡᠷ ᠴᠢᠭᠢᠷᠠᠭ᠂ ᠰᠡᠷᠭᠡᠶᠢᠯᠡᠬᠦ ᠤᠬᠠᠮᠰᠠᠷ ᠪᠠ | ᠬᠠᠷᠢᠭᠤᠴᠠᠯᠭᠠᠲᠤ ᠰᠡᠳᠬᠢᠯᠭᠡ ᠪᠠᠷ ᠴᠢᠩᠭ᠎ᠠ ᠮᠠᠯᠴᠢᠨ ᠲᠠᠷᠢᠶᠠᠴᠢᠨ ᠢ ᠰᠣᠩᠭᠤᠨ ᠭᠠᠷᠭᠠᠵᠤ᠂ ᠨᠡᠶᠢᠭᠡᠮ ᠤᠨ ᠠᠮᠤᠷ | ᠲᠣᠭᠲᠠᠭᠤᠨ ᠢ ᠬᠠᠮᠠᠭᠠᠯᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠬᠠᠮᠠᠭᠠᠯᠠᠬᠤ ᠶᠢᠨ | ᠲᠤᠰᠠᠳᠠ ᠵᠣᠬᠢᠶᠠᠨ ᠪᠠᠶᠢᠭᠤᠯᠤᠭᠰᠠᠨ ᠠᠯᠪᠠᠨ ᠵᠢᠷᠤᠮ ᠤᠨ ᠠᠵᠢᠯ ᠤᠨ ᠳᠤᠭᠤᠶᠢᠯᠠᠩ ᠢ ᠬᠡᠯᠡᠨ᠎ᠡ᠃ | ︵ᠠᠷᠪᠠᠨ ᠨᠠᠢᠮᠠ︶ ︽ᠨᠤᠲᠤᠭ ᠳᠡᠪᠢᠰᠬᠡᠷ ᠢᠶᠠᠨ ᠰᠠᠬᠢᠨ ᠬᠢᠯᠢ ᠬᠢᠵᠠᠭᠠᠷ ᠢᠶᠠᠨ ᠬᠠᠮᠠᠭᠠᠯᠠᠬᠤ ᠪᠠᠬᠢᠯᠡᠯᠲᠡ ᠶᠢᠨ ᠡᠷᠦᠬᠡ | ︾᠄ ᠬᠢᠯᠢ ᠶᠢᠨ ᠱᠤᠭᠤᠮ ᠤᠨ ᠣᠶᠢᠷᠠᠯᠴᠠᠭ᠎ᠠ ᠰᠠᠭᠤᠷᠢᠰᠢᠵᠤ᠂ ᠤᠯᠤᠰ ᠤᠨ ᠨᠤᠲᠤᠭ ᠳᠡᠪᠢᠰᠬᠡᠷ ᠢ ᠰᠠᠬᠢᠨ | ᠬᠠᠮᠠᠭᠠᠯᠠᠵᠤ ᠰᠠᠭᠤᠭ᠎ᠠ ᠡᠷᠦᠬᠡ ᠶᠢ ᠬᠡᠯᠡᠨ᠎ᠡ᠃ | ︵ᠠᠷᠪᠠ ᠶᠢᠰᠦ︶ ︽ᠵᠢᠷᠭᠤᠭ᠎ᠠ ᠶᠢ ᠲᠣᠭᠲᠠᠪᠤᠷᠢᠲᠠᠢ ᠪᠠᠶᠢᠯᠭᠠᠬᠤ︾᠄ ᠲᠣᠬᠠᠶᠢᠯᠠᠪᠠᠯ ᠠᠵᠢᠯ ᠤᠯᠭᠤᠬᠤ ᠶᠢ | ᠲᠣᠭᠲᠠᠪᠤᠷᠢᠲᠠᠢ ᠪᠠᠶᠢᠯᠭᠠᠬᠤ᠂ ᠮᠦᠩᠬᠦᠨ ᠭᠦᠢᠯᠭᠡᠭᠡ ᠶᠢ ᠲᠣᠭᠲᠠᠪᠤᠷᠢᠲᠠᠢ ᠪᠠᠶᠢᠯᠭᠠᠬᠤ᠂ ᠭᠠᠳᠠᠭᠠᠲᠤ ᠠᠷᠠᠯᠵᠢᠶ᠎ᠠ ᠶᠢ | ᠲᠣᠭᠲᠠᠪᠤᠷᠢᠲᠠᠢ ᠪᠠᠶᠢᠯᠭᠠᠬᠤ᠂ ᠭᠠᠳᠠᠭᠠᠲᠤ ᠪᠡᠯᠡ ᠶᠢ ᠲᠣᠭᠲᠠᠪᠤᠷᠢᠲᠠᠢ ᠪᠠᠶᠢᠯᠭᠠᠬᠤ᠂ ᠪᠡᠯᠡ ᠣᠷᠣᠭᠤᠯᠣᠯᠲᠠ ᠶᠢ | ᠲᠣᠭᠲᠠᠪᠤᠷᠢᠲᠠᠢ ᠪᠠᠶᠢᠯᠭᠠᠬᠤ᠂ ᠲᠦᠰᠥᠪᠯᠡᠭᠰᠡᠨ ᠢᠶᠠᠨ ᠲᠣᠭᠲᠠᠪᠤᠷᠢᠲᠠᠢ ᠪᠠᠶᠢᠯᠭᠠᠬᠤ ᠶᠢ ᠵᠢᠭᠠᠵᠤ ᠪᠣᠢ᠃ | ︵ᠬᠤᠷᠢ︶ ︽ᠵᠢᠷᠭᠤᠭ᠎ᠠ ᠶᠢ ᠪᠠᠲᠤᠯᠠᠬᠤ︾᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠲᠤᠯᠠᠬᠤ᠂ | ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ | ᠪᠤᠳᠠᠭ᠎ᠠ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ᠂ ᠠᠵᠤ ᠤᠶᠢᠯᠠᠰ ᠤᠨ ᠬᠡᠯᠬᠢᠶ᠎ᠡ ᠬᠠᠩᠭᠠᠯᠭ᠎ᠠ ᠶᠢᠨ | ᠬᠡᠯᠬᠢᠶ᠎ᠡ ᠶᠢᠨ ᠲᠣᠭᠲᠠᠪᠤᠷᠢᠲᠠᠢ ᠪᠠᠶᠢᠬᠤ ᠶᠢ ᠪᠠᠳᠤᠯᠠᠬᠤ᠂ ᠦᠨᠳᠦᠰᠦᠨ ᠱᠠᠲᠤᠨ ᠤ ᠠᠵᠢᠯᠯᠠᠭ᠎ᠠ ᠶᠢ ᠪᠠᠲᠤᠯᠠᠬᠤ᠃ | ︵ᠬᠤᠷᠢᠨ ᠨᠢᠭᠡ︶ ︽ᠲᠦᠷᠪᠡ ᠶᠢ ᠲᠠᠶᠠᠭᠳᠠᠬᠤ ᠦᠭᠡᠢ︾᠄ ᠶᠠᠳᠠᠭᠤᠷᠠᠯ ᠠᠴᠠ ᠠᠩᠬᠢᠵᠢᠷᠠᠭᠤᠯᠤᠭᠰᠠᠨ ᠴᠤ ᠡᠭᠦᠷᠭᠡ | ᠬᠠᠷᠢᠴᠠᠭᠤᠯᠭ᠎ᠠ ᠪᠠᠨ ᠲᠠᠶᠠᠭᠳᠠᠬᠤ ᠦᠭᠡᠢ᠂ ᠶᠠᠳᠠᠭᠤ ᠠᠴᠠ ᠠᠩᠬᠢᠵᠢᠷᠠᠭᠤᠯᠤᠭᠰᠠᠨ ᠴᠤ ᠲᠦᠷᠦ ᠶᠢᠨ ᠪᠤᠳᠤᠯᠭ᠎ᠠ ᠶᠢ | ᠲᠠᠶᠠᠭᠳᠠᠬᠤ ᠦᠭᠡᠢ᠂ ᠶᠠᠳᠠᠭᠤ ᠠᠴᠠ ᠠᠩᠬᠢᠵᠢᠷᠠᠭᠤᠯᠤᠭᠰᠠᠨ ᠴᠤ ᠬᠠᠪᠰᠤᠷᠤᠨ ᠲᠡᠳᠬᠦᠬᠦ ᠶᠢ ᠲᠠᠶᠠᠭᠳᠠᠬᠤ ᠦᠭᠡᠢ᠂ | ᠶᠠᠳᠠᠭᠤ ᠠᠴᠠ ᠠᠩᠬᠢᠵᠢᠷᠠᠭᠤᠯᠤᠭᠰᠠᠨ ᠴᠤ ᠬᠢᠨᠠᠯᠲᠠ ᠬᠠᠮᠢᠶᠠᠷᠤᠯᠲᠠ ᠶᠢ ᠲᠠᠶᠠᠭᠳᠠᠬᠤ ᠦᠭᠡᠢ᠃ | ︵ᠬᠤᠷᠢᠨ ᠬᠤᠶᠠᠷ︶ ︽ᠲᠣᠭᠲᠠᠪᠤᠷᠢᠲᠠᠢ ᠹᠤᠨᠳ᠋︾᠄ ᠥᠷᠢ ᠥᠭᠴᠡᠭᠡ ᠶᠢᠨ ᠠᠰᠠᠭᠤᠳᠠᠯ ᠢ ᠰᠢᠢᠳᠪᠦᠷᠢᠯᠡᠬᠦ ᠠᠷᠭ᠎ᠠ | ᠬᠡᠯᠪᠡᠷᠢ ᠪᠣᠯᠣᠨ᠎ᠠ᠂ ᠥᠭᠴᠡᠭᠡᠲᠡᠨ ᠰᠠᠭᠤᠷᠢ ᠮᠥᠩᠭᠦᠨ ᠤ ᠺᠣᠮᠫᠠᠨᠢ᠂ ᠢᠲᠡᠭᠡᠮᠵᠢ ᠶᠢᠨ ᠺᠣᠮᠫᠠᠨᠢ᠂ ᠬᠥᠷᠥᠩᠭᠡ ᠶᠢᠨ | ᠬᠠᠮᠢᠶᠠᠷᠤᠯᠲᠠ ᠶᠢᠨ ᠺᠣᠮᠫᠠᠨᠢ ᠵᠡᠷᠭᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠᠷ ᠳᠠᠮᠵᠢᠨ ᠬᠦᠴᠢᠷᠳᠡᠯ ᠢ ᠳᠠᠪᠠᠨ | ᠲᠤᠭᠤᠯᠬᠤ ᠹᠤᠨᠳ᠋ ᠢ ᠪᠠᠶᠢᠭᠤᠯᠬᠤ ᠪᠤᠶᠤ ᠨᠢᠭᠡᠨ ᠲᠤᠰᠬᠠᠶ ᠲᠣᠭᠲᠠᠭᠠᠭᠰᠠᠨ ᠮᠥᠩᠭᠦᠨ ᠭᠦᠢᠯᠭᠡᠭᠡᠨ ᠤ ᠦᠢᠯᠡᠳᠬᠦᠨ ᠢ | ᠲᠠᠷᠬᠠᠭᠠᠵᠤ ᠪᠡᠯᠡ ᠮᠥᠩᠭᠦ ᠬᠤᠷᠠᠮᠳᠤᠭᠤᠯᠵᠤ᠂ ᠡᠨᠡ ᠬᠦ ᠪᠡᠯᠡ ᠮᠥᠩᠭᠦ ᠪᠠᠷ ᠬᠠᠭᠤᠴᠢᠨ ᠥᠷᠢ ᠶᠢ ᠲᠥᠯᠥᠨ᠎ᠡ᠃ | ᠥᠷᠢ ᠰᠢᠷᠢ ᠶᠢᠨ ᠭᠡᠷ᠎ᠡ ᠠᠴᠠ ᠵᠥᠷᠢᠴᠡᠭᠰᠡᠨ ᠠᠴᠠ ᠪᠣᠯᠵᠤ ᠣᠷᠣᠨ ᠪᠦᠰᠡ ᠶᠢᠨ ᠴᠢᠨᠠᠷᠲᠠᠶ ᠮᠥᠩᠭᠦᠨ ᠭᠦᠢᠯᠭᠡᠭᠡᠨ ᠤ | ᠠᠶᠤᠯ ᠡᠷᠡᠰᠳᠡᠯ ᠡᠭᠦᠰᠬᠦ ᠠᠴᠠ ᠰᠡᠷᠭᠡᠶᠢᠯᠡᠬᠦ ᠶᠢᠨ ᠲᠤᠰᠠᠳᠠ᠂ ᠲᠣᠭᠲᠠᠪᠤᠷᠢᠲᠠᠢ ᠰᠢᠯᠵᠢᠯᠲᠡ ᠬᠢᠵᠦ᠂ ᠶᠠᠪᠤᠴᠠ ᠶᠢ ᠨᠢ | ᠨᠠᠶᠢᠳᠠᠪᠤᠷᠢᠲᠠᠢ ᠪᠣᠯᠭᠠᠨ᠎ᠠ᠃ | ︵ᠬᠤᠷᠢᠨ ᠭᠤᠷᠪᠠ︶ ︽ᠭᠤᠷᠪᠠ ᠶᠢ ᠪᠠᠲᠤᠯᠠᠬᠤ︾ ᠵᠠᠷᠤᠯᠭ᠎ᠠ᠄ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ | ᠂ ᠠᠵᠢᠯᠲᠠᠳ ᠤᠨ ᠴᠠᠯᠢᠩ ᠢ ᠪᠠᠲᠤᠯᠠᠬᠤ᠂ ᠬᠡᠪ ᠤᠨ ᠠᠵᠢᠯᠯᠠᠭ᠎ᠠ ᠶᠢ ᠪᠠᠲᠤᠯᠠᠬᠤ᠃ | ︵ᠬᠤᠷᠢᠨ ᠳᠥᠷᠪᠡ︶ ︽ᠠᠯᠪᠠᠨ ᠤ ᠭᠤᠷᠪᠠᠨ ᠵᠠᠷᠤᠳᠠᠯ︾᠄ ᠡᠳ᠋ ᠤᠨ ᠵᠠᠰᠠᠭ ᠠᠴᠠ ᠠᠯᠪᠠᠨ ᠵᠠᠷᠤᠳᠠᠯ ᠳᠤ | ᠲᠤᠬᠢᠷᠠᠭᠤᠯᠤᠨ ᠪᠠᠭᠤᠯᠭᠠᠭᠰᠠᠨ ᠭᠠᠳᠠᠭᠠᠳᠤ ︵ᠬᠢᠯᠢ︶ ᠳᠤ ᠭᠠᠷᠬᠤ ᠵᠠᠷᠤᠳᠠᠯ᠂ ᠲᠡᠷᠭᠡ ᠤᠨᠤᠭ᠎ᠠ ᠬᠤᠳᠠᠯᠳᠤᠨ | ᠠᠪᠬᠤ ᠵᠢᠴᠢ ᠲᠡᠷᠭᠡᠨ ᠳᠤ ᠭᠡᠷᠡᠭᠯᠡᠭᠦ ᠵᠠᠷᠤᠳᠠᠯ᠂ ᠠᠯᠪᠠᠨ ᠶᠠᠪᠤᠳᠠᠯ ᠤᠨ ᠵᠣᠴᠢᠯᠠᠬᠤ ᠵᠠᠷᠤᠳᠠᠯ ᠵᠡᠷᠭᠡ ᠭᠤᠷᠪᠠᠨ | ᠵᠠᠷᠤᠳᠠᠯ ᠢ ᠵᠢᠭᠠᠵᠤ ᠪᠤᠢ᠃ | | |