| | ︵ᠬᠤᠷᠢᠨ ᠲᠠᠪᠤ︶ ︽ᠲᠠᠷᠠᠬᠠᠢ ᠪᠣᠲᠠᠷᠬᠠᠢ ᠡᠮᠬᠢ ᠵᠠᠮᠪᠠᠷᠠᠭ᠎ᠠ ᠦᠭᠡᠢ ᠪᠣᠬᠢᠷᠳᠣᠯ ᠲᠠᠢ︾ ᠠᠵᠤ ᠠᠬᠤᠶᠢᠯᠠᠯ᠄ ᠠᠵᠤ | ᠦᠢᠯᠡᠰ ᠤᠨ ᠲᠥᠷᠦ ᠶᠢᠨ ᠪᠤᠳᠣᠯᠭ᠎ᠠ ᠳᠤ ᠨᠡᠶᠢᠴᠡᠬᠦ ᠦᠭᠡᠢ᠂ ᠲᠣᠰ ᠭᠠᠵᠠᠷ ᠤᠨ ᠠᠵᠤ ᠦᠢᠯᠡᠰ ᠤᠨ | ᠪᠠᠶᠢᠷᠢᠯᠠᠭᠤᠯᠣᠯᠲᠠ ᠶᠢᠨ ᠲᠦᠯᠦᠪᠵᠢᠭᠦᠯᠭᠡ ᠳᠤ ᠨᠡᠶᠢᠴᠡᠬᠦ ᠦᠭᠡᠢ᠂ ᠠᠵᠤ ᠦᠢᠯᠡᠳᠪᠦᠷᠢ ᠮᠡᠳᠡᠭᠡ ᠵᠠᠩᠭᠢ᠂ | ᠬᠦᠭᠵᠢᠭᠦᠯᠦᠯᠲᠡ ᠦᠭᠡᠷᠡᠴᠢᠯᠡᠯᠲᠡ᠂ ᠭᠠᠵᠠᠷ ᠰᠢᠷᠣᠢ᠂ ᠲᠦᠯᠦᠪᠵᠢᠭᠦᠯᠭᠡ᠂ ᠣᠷᠴᠢᠨ ᠲᠣᠭᠤᠷᠢᠨ ᠢ ᠬᠠᠮᠠᠭᠠᠯᠠᠬᠤ᠂ | ᠦᠢᠯᠡᠳᠪᠦᠷᠢ ᠬᠤᠳᠠᠯᠳᠤᠭ᠎ᠠ᠂ ᠴᠢᠨᠠᠷ ᠲᠤ ᠬᠢᠨᠠᠯᠲᠠ ᠲᠠᠯᠪᠢᠬᠤ᠂ ᠠᠮᠤᠷ ᠲᠦᠪᠰᠢᠨ ᠤ ᠬᠢᠨᠠᠯᠲᠠ᠂ ᠴᠠᠬᠢᠯᠭᠠᠨ | ᠬᠦᠴᠦᠨ ᠵᠡᠷᠭᠡ ᠲᠠᠢ ᠬᠤᠯᠪᠣᠭᠳᠠᠬᠤ ᠭᠠᠷ ᠭᠦᠢᠴᠡᠳᠭᠡᠯ ᠬᠢᠭᠰᠡᠨ ᠦᠭᠡᠢ᠂ ᠭᠠᠳᠠᠭᠰᠢᠭᠤᠯᠣᠯᠲᠠ ᠨᠢ ᠪᠠᠷᠢᠮᠵᠢᠶ᠎ᠠ ᠳᠤ | ᠬᠦᠷᠦᠭᠰᠡᠨ ᠦᠭᠡᠢ ᠠᠵᠤ ᠠᠬᠤᠶᠢᠯᠠᠯ ᠢ ᠬᠡᠯᠡᠵᠦ ᠪᠠᠶᠢᠨ᠎ᠠ᠃ | ︵ᠬᠤᠷᠢᠨ ᠵᠢᠷᠭᠤᠭ᠎ᠠ︶ ︽ᠰᠦᠯᠵᠢᠶ᠎ᠠ ᠪᠠ ᠪᠣᠳᠠᠳᠤ ᠳᠡᠯᠭᠡᠭᠦᠷ︾ ᠤᠨ ᠬᠤᠳᠠᠯᠳᠤᠭ᠎ᠠ᠄ ᠬᠡᠷᠡᠭᠯᠡᠭᠴᠢᠳ | ᠰᠦᠯᠵᠢᠶ᠎ᠡ ᠪᠠᠷ ᠪᠠᠷᠠᠭ᠎ᠠ ᠪᠠᠨ ᠵᠠᠬᠢᠶᠠᠯᠠᠵᠤ᠂ ᠳᠠᠬᠢᠨ ᠪᠣᠳᠠᠲᠤ ᠳᠡᠯᠭᠡᠭᠦᠷ ᠲᠤ ᠣᠴᠢᠵᠤ ᠬᠡᠷᠡᠭᠯᠡᠭᠡᠨ ᠤ ᠪᠠᠷᠠᠭ᠎ᠠ ᠪᠠᠨ | ᠬᠤᠳᠠᠯᠳᠤᠨ ᠠᠪᠬᠤ ᠵᠠᠭᠪᠤᠷ ᠢᠶᠠᠷ ᠭᠦᠢᠴᠡᠳᠬᠡᠨ᠎ᠡ᠃ ᠥᠪᠡᠷ ᠤᠨ ᠪᠡᠶ᠎ᠡ ᠪᠠᠷ ᠦᠵᠡᠵᠦ ᠣᠶᠢᠯᠭᠠᠭᠰᠠᠨ ᠤ ᠳᠠᠷᠠᠭ᠎ᠠ | ᠲᠣᠭᠠᠴᠠᠭ᠎ᠠ ᠪᠠᠨ ᠰᠦᠯᠵᠢᠶ᠎ᠡ ᠪᠠᠷ ᠪᠣᠳᠤᠵᠤ᠂ ᠬᠡᠷᠡᠭᠯᠡᠭᠴᠢᠳ ᠤᠨ ᠢᠲᠡᠭᠡᠯ ᠦᠨᠡᠮᠰᠢᠯ ᠢ ᠣᠯᠵᠤ ᠪᠠᠷᠠᠭᠠᠨ ᠤ ᠦᠨᠡᠨ | ᠪᠣᠳᠠᠲᠤ ᠴᠢᠨᠠᠷ ᠢ ᠪᠠᠲᠤᠯᠠᠭᠰᠠᠨ ᠪᠠᠶᠢᠨ᠎ᠠ᠃ ᠬᠡᠷᠡᠭᠯᠡᠭᠴᠢᠳ ᠰᠦᠯᠵᠢᠶ᠎ᠡ ᠪᠠᠷ ᠬᠠᠩᠭᠠᠭᠰᠠᠨ ᠲᠠᠸᠠᠷ ᠤᠨ | ᠳᠣᠲᠣᠷ᠎ᠠ ᠠᠴᠠ ᠬᠠᠮᠤᠭ ᠤᠨ ᠲᠣᠬᠢᠷᠠᠮᠵᠢᠲᠠᠶ ᠲᠠᠸᠠᠷ ᠢ ᠰᠣᠩᠭᠤᠬᠤ ᠬᠤᠳᠠᠯᠳᠤᠭ᠎ᠠ ᠪᠣᠯᠣᠨ᠎ᠠ᠃ | ︵ᠬᠤᠷᠢᠨ ᠳᠣᠯᠤᠭ᠎ᠠ︶ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢ ᠮᠠᠨᠳᠤᠭᠤᠯᠬᠤ︾ ᠠᠵᠢᠯᠯᠠᠭ᠎ᠠ | ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠬᠢᠭᠡᠳ ᠰᠢᠨᠵᠢᠯᠡᠭᠡ ᠮᠡᠷᠭᠡᠵᠢᠯ ᠤᠨ ᠶᠠᠮᠤᠨ ᠠᠴᠠ ᠬᠤᠶᠠᠷ | ᠲᠠᠯ᠎ᠠ ᠶᠢᠨ ᠬᠠᠮᠲᠤᠷᠠᠯᠴᠠᠭ᠎ᠠ ᠶᠢ ᠲᠦᠯᠬᠢᠨ ᠠᠬᠢᠭᠤᠯᠬᠤ ᠭᠤᠤᠯᠳᠠᠯᠭ᠎ᠠ ᠲᠠᠢ ᠠᠵᠢᠯ ᠪᠣᠯᠤᠨ᠎ᠠ᠃ ᠥᠪᠡᠷᠲᠡᠭᠡᠨ | ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢᠨ ᠰᠢᠨᠵᠢᠯᠡᠭᠡ ᠮᠡᠷᠭᠡᠵᠢᠯ ᠤᠨ ᠰᠢᠨ᠎ᠡ ᠶᠢ | ᠡᠭᠦᠳᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ︽ᠨᠡᠭᠡᠭᠡᠯᠲᠡ ᠬᠢᠵᠦ ᠬᠠᠮᠲᠤᠷᠠᠨ ᠠᠵᠢᠯᠯᠠᠨ ᠰᠢᠨ᠎ᠡ ᠶᠢ | ᠡᠭᠦᠳᠴᠦ᠂ ᠴᠢᠬᠤᠯᠠ ᠲᠠᠯ᠎ᠠ ᠳᠤ ᠠᠩᠬᠠᠷᠤᠯ ᠢᠶᠠᠨ ᠬᠠᠨᠳᠤᠭᠤᠯᠵᠤ ᠰᠢᠨ᠎ᠡ ᠶᠢ ᠡᠭᠦᠳᠴᠦ᠂ ᠣᠨᠴᠠᠯᠢᠭ ᠢᠶᠠᠨ | ᠳᠣᠪᠤᠶᠢᠯᠭᠠᠵᠤ ᠰᠢᠨ᠎ᠡ ᠶᠢ ᠡᠭᠦᠳᠬᠦ︾ ᠪᠠᠷ ᠳᠠᠮᠵᠢᠨ ᠵᠡᠭᠦᠨ ᠪᠠᠷᠠᠭᠤᠨ ᠣᠷᠣᠨ ᠤ ᠬᠠᠷᠢᠯᠴᠠᠭ᠎ᠠ ᠶᠢ | ᠴᠢᠩᠭᠠᠳᠬᠠᠬᠤ ᠪᠠᠷ ᠳᠠᠮᠵᠢᠨ ᠪᠦᠰᠡ ᠨᠤᠲᠤᠭ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠶᠢ ᠴᠢᠩᠭᠠᠷᠠᠭᠤᠯᠵᠤ᠂ | ᠳᠠᠪᠠᠭᠤ ᠲᠠᠯ᠎ᠠ ᠪᠠᠨ ᠬᠠᠷᠢᠯᠴᠠᠨ ᠨᠥᠬᠦᠪᠦᠷᠢᠯᠡᠨ᠂ ᠬᠠᠮᠲᠤᠷᠠᠯᠴᠠᠵᠤ᠂ ᠬᠠᠮᠲᠤ ᠪᠠᠷ ᠠᠰᠢᠭ ᠭᠥᠷᠳᠡᠬᠦ ᠶᠢ ᠪᠡᠶᠡᠯᠡᠭᠦᠯᠵᠦ | ᠂ ᠥᠪᠡᠷᠲᠡᠭᠡᠨ ᠵᠠᠰᠠᠬᠤ ᠣᠷᠣᠨ ᠤ ᠪᠦᠬᠦ ᠲᠠᠯ᠎ᠠ ᠪᠠᠷ ᠰᠢᠨᠵᠢᠯᠡᠭᠡ ᠮᠡᠷᠭᠡᠵᠢᠯ ᠢᠶᠠᠷ ᠰᠢᠨ᠎ᠡ ᠶᠢ ᠡᠭᠦᠳᠬᠦ ᠴᠢᠳᠠᠪᠤᠷᠢ ᠪᠠ | ᠠᠵᠤ ᠦᠢᠯᠡᠰ ᠤᠨ ᠬᠥᠭᠵᠢᠯᠲᠡ ᠳᠤ ᠲᠤᠯᠭᠠᠭᠤᠷᠢᠯᠠᠬᠤ ᠬᠢᠷᠢ ᠲᠦᠪᠰᠢᠨ ᠢ ᠳᠡᠭᠡᠭᠰᠢᠯᠡᠭᠦᠯᠬᠦ ᠠᠵᠢᠯᠯᠠᠭ᠎ᠠ ᠪᠣᠯᠣᠨ᠎ᠠ᠃ | ︵ᠬᠤᠷᠢᠨ ᠨᠠᠢᠮᠠ︶ ︽ᠨᠢᠭᠡ ᠪᠦᠰᠡ ᠨᠢᠭᠡ ᠵᠠᠮ︾᠄ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠠ ︽ | 21 ᠳ᠋ᠤᠭᠡᠷ ᠵᠠᠭᠤᠨ ᠤ ᠳᠠᠯᠠᠢ ᠲᠡᠭᠡᠷᠡᠭᠢ ᠲᠣᠷᠭᠠᠨ ᠵᠠᠮ︾ ᠤᠨ ᠲᠣᠪᠴᠢ ᠨᠡᠷᠡᠶᠢᠳᠦᠯ ᠪᠣᠯᠤᠨ᠎ᠠ᠃ ᠲᠡᠷᠡ ᠨᠢ | ᠳᠤᠮᠳᠠᠳᠤ ᠤᠯᠤᠰ ᠪᠣᠯᠤᠨ ᠬᠤᠯᠪᠣᠭᠳᠠᠯ ᠪᠦᠬᠦᠢ ᠤᠯᠤᠰ ᠤᠨ ᠨᠢᠭᠡᠨᠲᠡ ᠪᠠᠶᠢᠭ᠎ᠠ ᠬᠤᠶᠠᠷ ᠲᠠᠯ᠎ᠠ ᠤᠯᠠᠨ ᠲᠠᠯ᠎ᠠ ᠶᠢᠨ | ᠲᠣᠭᠲᠠᠴᠠ ᠳᠤ ᠭᠦᠢᠴᠡᠳ ᠲᠦᠰᠢᠭᠯᠡᠵᠦ᠂ ᠨᠢᠭᠡᠨᠲᠡ ᠪᠠᠶᠢᠭ᠎ᠠ ᠪᠥᠭᠡᠳ ᠪᠦᠲᠦᠮᠵᠢᠲᠡᠢ ᠣᠷᠣᠨ ᠪᠦᠰᠡ ᠶᠢᠨ | ᠬᠠᠮᠳᠤᠷᠠᠯᠴᠠᠭᠠᠨ ᠤ ᠲᠠᠪᠴᠠᠩ ᠢ ᠠᠰᠢᠭᠯᠠᠨ᠂ ᠡᠷᠲᠡᠨ ᠤ ᠲᠣᠷᠭᠠᠨ ᠵᠠᠮ ᠤᠨ ᠲᠡᠦᠬᠡᠨ ᠲᠡᠮᠳᠡᠭ ᠢ ᠵᠢᠭᠡᠯᠡᠨ ᠬᠡᠷᠡᠭᠯᠡᠵᠦ | ᠂ ᠡᠩᠬᠡ ᠲᠠᠶᠢᠪᠤᠩ ᠬᠥᠭᠵᠢᠯᠲᠡ ᠶᠢᠨ ᠲᠤᠭ ᠢ ᠥᠨᠳᠥᠷ ᠮᠠᠨᠳᠤᠭᠤᠯᠤᠨ᠂ ᠵᠠᠮ ᠳᠠᠭᠠᠤ ᠤᠯᠤᠰ ᠯᠤᠭ᠎ᠠ ᠶᠢᠨ ᠠᠵᠤ | ᠠᠬᠤᠢ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠢᠳᠡᠪᠬᠢᠲᠡᠢ ᠭᠦᠭᠵᠢᠭᠦᠯᠵᠤ᠂ ᠤᠯᠤᠰ ᠲᠦᠷᠦ ᠶᠢᠨ | ᠢᠲᠡᠭᠡᠯᠴᠡᠭᠡ᠂ ᠠᠵᠤ ᠠᠬᠤᠢ ᠶᠢᠨ ᠠᠭᠤᠰᠤᠯᠴᠠᠯ᠂ ᠰᠣᠶᠣᠯ ᠤᠨ ᠪᠠᠭᠲᠠᠭᠠᠮᠵᠢᠲᠠᠢ ᠠᠰᠢᠭ ᠲᠤᠰᠠ ᠶᠢᠨ ᠬᠠᠮᠲᠤ ᠶᠢᠨ | ᠴᠣᠭᠴᠠ᠂ ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠨ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ ᠶᠢ | ᠬᠠᠮᠲᠤ ᠪᠠᠷ ᠪᠠᠶᠢᠭᠤᠯᠬᠤ ᠪᠣᠯᠤᠨ᠎ᠠ᠃ | ︵ᠬᠤᠷᠢ ᠶᠢᠰᠦ︶ ︽ᠨᠢᠭᠡ ᠬᠡᠷᠡᠭ ᠢ ᠨᠢᠭᠡ ᠵᠥᠪᠯᠡᠬᠦ︾᠄ ᠨᠢᠭᠡ ᠤᠴᠢᠷ ᠢ ᠨᠢᠭᠡ ᠵᠥᠪᠯᠡᠬᠦ ᠡᠳ᠋ ᠤᠨ ᠵᠠᠰᠠᠭ ᠤᠨ | ᠱᠠᠩᠨᠠᠵᠤ ᠨᠥᠬᠦᠪᠥᠷᠢᠯᠡᠬᠦ ᠶᠢ ᠳᠥᠭᠦᠮᠴᠢᠯᠡᠬᠦ ᠬᠡᠯᠡᠯᠭᠡ᠃ ᠲᠦᠷᠦ ᠶᠢᠨ ᠶᠠᠪᠤᠳᠠᠯ ᠤᠨ ᠬᠤᠷᠢᠶᠠᠨ ᠤ ᠬᠥᠳᠡᠭᠡ | ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠳᠤᠭᠤᠶᠢᠯᠠᠩ᠂ ᠡᠳ᠋ ᠤᠨ ᠵᠠᠰᠠᠭ ᠤᠨ ᠶᠠᠮᠤᠨ᠂ | ᠲᠠᠷᠢᠶᠠᠯᠠᠩ ᠤᠨ ᠶᠠᠮᠤᠨ ᠠᠴᠠ ︽ᠭᠠᠴᠠᠭᠠᠨ ᠤ ᠱᠠᠲᠤᠨ ᠤ ᠨᠡᠶᠢᠲᠡ ᠶᠢᠨ ᠠᠰᠠᠷᠠᠮᠵᠢ ᠶᠢᠨ ᠦᠢᠯᠡᠰ ᠤᠨ ᠪᠦᠲᠦᠭᠡᠨ | ᠪᠠᠶᠢᠭᠤᠯᠤᠯᠲᠠ ᠶᠢᠨ ᠠᠰ ᠠᠰ ᠢᠶᠠᠷ ᠨᠢ ᠵᠥᠪᠯᠡᠬᠦ ᠡᠳ᠋ ᠤᠨ ᠵᠠᠰᠠᠭ ᠤᠨ ᠱᠠᠩᠨᠠᠵᠤ ᠨᠥᠬᠦᠪᠥᠷᠢᠯᠡᠬᠦ ᠲᠤᠷᠰᠢᠯᠲᠠ ᠶᠢᠨ | ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠳᠤ ᠠᠩᠬ᠎ᠠ ᠤᠳᠠᠭ᠎ᠠ ᠲᠤ ᠷᠠᠳᠴᠠᠢ᠃ | ︵ᠭᠤᠴᠢ︶ ︽ᠰᠢᠷᠭᠤᠯᠵᠢᠨ ᠣᠶ︾᠄ ᡁᠢ ᠹᠦ᠋ ᠪᠣᠣ ᠰᠣᠹᠲ ᠤᠨ ᠬᠡᠷᠡᠭᠯᠡᠭᠴᠢ ᠪᠠᠷ ᠳᠠᠮᠵᠢᠨ ︽ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ︾ ᠵᠣᠷᠢᠯᠭ᠎ᠠ ᠪᠠᠷ ᠰᠤᠳᠤᠯᠤᠨ ᠪᠦᠲᠦᠭᠡᠭᠰᠡᠨ | ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡ ᠪᠣᠯᠣᠨ᠎ᠠ᠃ ᠬᠡᠷᠡᠭᠯᠡᠭᠴᠢ ᠠᠴᠠ ᠠᠯᠬᠤᠬᠤ᠂ ᠮᠧᠳ᠋ᠷᠤ᠋ ᠪᠠᠷ ᠵᠣᠷᠴᠢᠬᠤ᠂ | ᠢᠨᠲ᠋ᠧᠷ ᠰᠦᠯᠵᠢᠶ᠎ᠡ ᠪᠠᠷ ᠤᠰᠤ ᠴᠠᠬᠢᠯᠭᠠᠨ ᠪᠠ ᠨᠡᠭᠦᠷᠡᠰᠦᠨ ᠬᠡᠢ ᠶᠢᠨ ᠰᠦᠢᠳᠬᠡᠯ᠂ ᠵᠠᠮ ᠬᠠᠷᠢᠯᠴᠠᠭᠠᠨ ᠤ | ᠲᠣᠷᠭᠠᠭᠤᠯᠢ ᠶᠢ ᠲᠤᠰᠢᠶᠠᠬᠤ᠂ ᠢᠨᠲ᠋ᠧᠷ ᠰᠦᠯᠵᠢᠶ᠎ᠡ ᠪᠠᠷ ᠳ᠋ᠤᠭᠠᠷᠯᠠᠬᠤ᠂ ᠴᠠᠬᠢᠮ ᠬᠤᠳᠠᠯᠳᠤᠭ᠎ᠠ ᠬᠢᠬᠦ ᠵᠡᠷᠭᠡ | ᠪᠠᠭᠲᠠᠨ᠎ᠠ᠃ ᠮᠥᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠵᠣᠷᠢᠯᠭ᠎ᠠ ᠪᠠᠷ᠂ ᠴᠠᠬᠢᠮ | ᠰᠦᠯᠵᠢᠶ᠎ᠡ ᠪᠠᠷ ᠮᠣᠳᠣ ᠲᠠᠷᠢᠭᠠᠳ᠂ ᠡᠨᠡ ᠮᠣᠳᠤ ᠨᠢ ︽ᠤᠷᠭᠤᠵᠤ︾ ᠲᠣᠮᠣ ᠪᠣᠯᠭᠠᠭᠰᠠᠨ ᠤ ᠳᠠᠷᠠᠭ᠎ᠠ᠂ | ᠨᠡᠶᠢᠲᠡ ᠶᠢᠨ ᠠᠰᠠᠷᠠᠮᠵᠢ ᠶᠢᠨ ᠵᠣᠬᠢᠶᠠᠨ ᠪᠠᠶᠢᠭᠤᠯᠤᠯᠲᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠤ | ᠠᠬᠤᠶᠢᠯᠠᠯ ᠵᠡᠷᠭᠡ ᠰᠢᠷᠭᠤᠯᠵᠢᠨ ᠣᠢ ᠶᠢᠨ ᠠᠮᠢ ᠠᠬᠤᠶ ᠶᠢᠨ ᠠᠵᠢᠯᠯᠠᠭ᠎ᠠ ᠳᠤ ᠣᠷᠣᠯᠴᠠᠭᠰᠠᠨ ᠬᠥᠮᠥᠰ᠂ | ᠰᠦᠯᠵᠢᠶ᠎ᠡ ᠪᠠᠷ ᠲᠠᠷᠢᠭᠰᠠᠨ ᠮᠣᠳᠣ ᠶᠢ ᠨᠢ ︽ᠬᠤᠳᠠᠯᠳᠤᠨ ᠠᠪᠴᠤ︾ ᠪᠣᠳᠠᠲᠠᠢ ᠨᠢᠭᠡ ᠭᠠᠵᠠᠷ ᠣᠷᠣᠨ ᠳᠤ ᠮᠣᠳᠣ | ᠲᠠᠷᠢᠬᠤ ᠪᠣᠯᠣᠨ᠎ᠠ᠃ | ︵ᠭᠤᠴᠢᠨ ᠨᠢᠭᠡ︶ ︽ᠳᠥᠷᠪᠡᠨ ᠡᠷᠲᠡ︾ ᠶᠢᠨ ᠱᠠᠭᠠᠷᠳᠠᠯᠭ᠎ᠠ᠄ ᠡᠷᠲᠡ ᠢᠯᠡᠷᠡᠭᠦᠯᠬᠦ᠂ ᠡᠷᠲᠡ ᠮᠡᠳᠡᠭᠦᠯᠬᠦ᠂ ᠡᠷᠲᠡ | ᠣᠨᠣᠰᠢᠯᠠᠬᠤ᠂ ᠡᠷᠲᠡ ᠲᠤᠰᠠᠭᠠᠷᠯᠠᠬᠤ᠃ | ︵ᠭᠤᠴᠢᠨ ᠬᠤᠶᠠᠷ︶ ︽ᠲᠠᠪᠤᠨ ᠳᠠᠭᠠᠳᠬᠠᠯ︾᠄ ᠨᠠᠰᠤᠵᠢᠯ ᠤᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ | ᠂ ᠬᠥᠩᠭᠡᠵᠢᠯ ᠤᠨ ᠳᠠᠭᠠᠳᠬᠠᠯ᠂ ᠠᠵᠢᠯ ᠤᠨ ᠭᠡᠮᠲᠦᠯ ᠤᠨ ᠳᠠᠭᠠᠳᠬᠠᠯ᠂ ᠡᠮᠨᠡᠯᠭᠡ ᠶᠢᠨ ᠳᠠᠭᠠᠳᠬᠠᠯ᠃ | ︵ᠭᠤᠴᠢᠨ ᠭᠤᠷᠪᠠ︶ ᠰᠢᠨ᠎ᠡ ᠴᠠᠭ ᠦᠶ᠎ᠡ ᠶᠢᠨ ︽ᠹᠧᠩ ᠴᠢᠶᠣᠤ ᠶᠢᠨ ᠲᠤᠷᠰᠢᠯᠭ᠎ᠠ︾᠄ 20 ᠳ᠋ᠤᠭᠠᠷ ᠵᠠᠭᠤᠨ ᠤ | ᠵᠢᠷᠠᠭᠠᠳ ᠣᠨ ᠤ ᠡᠬᠢ ᠪᠠᠷ᠂ ᠵᠧᠵᠢᠶᠠᠩ ᠮᠤᠵᠢ ᠶᠢᠨ ᠱᠣᠤᠰᠢᠩ ᠬᠤᠲᠠ ᠶᠢᠨ ᠵᠦ ᠵᠢᠶ ᠰᠢᠶᠠᠨ ᠤ ᠹᠧᠩ ᠴᠢᠶᠣᠤ | ᠪᠠᠯᠭᠠᠰᠤᠨ ᠤ ᠺᠠᠳ᠋ᠷᠴᠤᠳ ᠣᠯᠠᠨ ᠲᠦᠮᠡᠨ ᠢ ᠳᠠᠶᠢᠴᠢᠯᠠᠵᠤ᠂ ᠵᠥᠷᠢᠴᠡᠯ ᠢ ᠳᠡᠭᠡᠭᠰᠢ ᠲᠤᠰᠢᠶᠠᠬᠤ ᠦᠭᠡᠢ ᠪᠠᠷ | ᠲᠤᠬᠠᠶ ᠶᠢᠨ ᠭᠠᠵᠠᠷ ᠲᠠᠭᠠᠨ ᠡᠶᠡᠳᠡᠭᠦᠯᠦᠨ ᠰᠢᠢᠳᠪᠦᠷᠢᠯᠡᠵᠦ᠂ ᠪᠠᠷᠢᠪᠴᠢᠯᠠᠨ ᠰᠢᠳᠭᠡᠬᠦ ᠬᠥᠮᠦᠨ ᠨᠢ ᠴᠥᠭᠡᠨ᠂ ᠠᠮᠤᠷ | ᠲᠦᠪᠰᠢᠨ ᠤ ᠲᠠᠯ᠎ᠠ ᠪᠠᠷ ᠰᠠᠶᠢᠨ︾ ᠪᠠᠶᠢᠳᠠᠯ ᠢ ︽ᠹᠧᠩ ᠴᠢᠶᠣᠤ ᠶᠢᠨ ᠲᠤᠷᠰᠢᠯᠭ᠎ᠠ︾ ᠶᠢ ᠪᠤᠢ ᠪᠣᠯᠭᠠᠭᠰᠠᠨ ᠪᠠᠶᠢᠨ᠎ᠠ | ᠃ ᠡᠨᠡ ᠬᠦ ᠲᠤᠷᠰᠢᠯᠭ᠎ᠠ ᠨᠢ ᠬᠥᠭᠵᠢᠨ ᠰᠢᠨᠡᠴᠢᠯᠡᠭᠳᠡᠵᠦ ︽ᠨᠠᠮ ᠵᠠᠰᠠᠭ ᠬᠠᠮᠲᠤᠷᠠᠨ᠂ ᠣᠯᠠᠨ ᠲᠦᠮᠡᠨ ᠢ ᠲᠦᠰᠢᠭᠯᠡᠨ | ᠂ ᠵᠢᠭᠤᠷᠠᠯᠳᠤᠭᠠᠨ ᠢ ᠤᠷᠢᠳᠴᠢᠯᠠᠨ ᠰᠡᠷᠭᠡᠶᠢᠯᠡᠵᠦ᠂ ᠵᠥᠷᠢᠴᠡᠯ ᠮᠥᠷᠭᠦᠯᠳᠦᠭᠡᠨ ᠢ ᠡᠶᠡᠳᠡᠭᠦᠯᠦᠨ ᠰᠢᠢᠳᠪᠦᠷᠢᠯᠡᠵᠦ᠂ | ᠲᠣᠭᠲᠠᠭᠤᠨ ᠪᠠᠶᠢᠳᠠᠯ ᠢ ᠬᠠᠮᠠᠭᠠᠯᠠᠨ᠂ ᠬᠥᠭᠵᠢᠯᠲᠡ ᠶᠢ ᠠᠬᠢᠭᠤᠯᠬᠤ︾ ᠢᠯᠡ ᠲᠣᠳᠣ ᠴᠠᠭ ᠦᠶ᠎ᠡ ᠶᠢᠨ ᠣᠨᠴᠠᠯᠢᠭ | ᠪᠦᠬᠦᠢ ᠰᠢᠨ᠎ᠡ ᠲᠤᠷᠰᠢᠯᠭ᠎ᠠ ᠪᠣᠯᠣᠨ ᠬᠥᠭᠵᠢᠵᠦ᠂ ᠰᠢᠨ᠎ᠡ ᠴᠠᠭ ᠦᠶ᠎ᠡ ᠳᠠᠬᠢ ᠨᠠᠮ ᠤᠨ ᠣᠯᠠᠨ ᠲᠦᠮᠡᠨᠴᠢ | ᠱᠤᠭᠤᠮ ᠢ ᠰᠠᠶᠢᠲᠤᠷ ᠪᠠᠷᠢᠮᠲᠠᠯᠠᠵᠤ ᠲᠤᠤᠱᠯᠠᠭᠤᠯᠤᠭᠰᠠᠨ ᠤ ᠦᠯᠢᠭᠡᠷ ᠵᠢᠱᠢᠶ᠎ᠡ ᠪᠣᠯᠣᠭᠰᠠᠨ ᠪᠠᠶᠢᠨ᠎ᠠ᠃ | ︵ᠭᠤᠴᠢᠨ ᠳᠥᠷᠪᠡ︶ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ | ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠢᠳᠬᠡᠯ᠂ ᠬᠠᠮᠤᠭ ᠤᠨ ᠴᠢᠩᠭ᠎ᠠ | ᠬᠠᠷᠢᠴᠠᠭᠤᠯᠭ᠎ᠠ ᠨᠡᠬᠡᠮᠵᠢᠯᠡᠬᠦ᠃ | ︵ᠭᠤᠴᠢᠨ ᠲᠠᠪᠤ︶ ︽ᠵᠢᠷᠭᠤᠭ᠎ᠠ ᠶᠢ ᠴᠡᠪᠡᠷᠯᠡᠬᠦ︾ ᠠᠵᠢᠯᠯᠠᠭ᠎ᠠ᠄ ᠬᠠᠷ᠎ᠠ ᠪᠦᠯᠦᠭᠲᠡᠨ ᠬᠠᠷᠭᠢᠰ ᠬᠦᠴᠦᠨ ᠢ | ᠰᠢᠢᠳᠪᠦᠷᠢᠯᠡᠨ ᠴᠡᠪᠡᠷᠯᠡᠬᠦ᠂ ᠣᠷᠭᠤᠨ ᠳᠤᠲᠠᠭᠠᠭᠰᠠᠨ ᠶᠠᠯᠠᠲᠠᠨ ᠢ ᠪᠠᠷᠢᠪᠴᠢᠯᠠᠵᠤ ᠴᠡᠪᠡᠷᠯᠡᠬᠦ᠂ ᠶᠠᠯᠠᠲᠤ ᠬᠡᠷᠡᠭ ᠢ | ᠪᠠᠶᠢᠴᠠᠭᠠᠨ ᠴᠡᠪᠡᠷᠯᠡᠬᠦ᠂ ᠬᠠᠮᠠᠭᠠᠯᠠᠯᠲᠠ ᠶᠢᠨ ᠲᠣᠣᠷ ᠢ ᠪᠠᠶᠢᠴᠠᠭᠠᠨ ᠴᠡᠪᠡᠷᠯᠡᠬᠦ᠂ ᠬᠠᠷ᠎ᠠ ᠪᠦᠯᠦᠭᠲᠡᠨ ᠤ ᠡᠳ᠋ | ᠬᠥᠷᠥᠩᠭᠡ ᠶᠢ ᠴᠡᠪᠡᠷᠯᠡᠨ ᠳᠠᠩᠰᠠᠯᠠᠬᠤ᠂ ᠠᠵᠢᠯ ᠲᠥᠷᠥᠯ ᠤᠨ ᠬᠠᠷᠬᠢᠰ ᠬᠦᠴᠦᠨ ᠬᠠᠷ᠎ᠠ ᠪᠥᠯᠥᠭᠲᠡᠨ ᠢ | ᠦᠨᠳᠦᠰᠦ ᠪᠠᠷ ᠨᠢ ᠴᠡᠪᠡᠷᠯᠡᠨ᠎ᠡ᠃ | ︵ᠭᠤᠴᠢᠨ ᠵᠢᠷᠭᠤᠭ᠎ᠠ︶ ︽ᠣᠶᠣᠨᠴᠢ ᠳᠣᠲᠣᠭᠠᠳᠤ ᠶᠢ ᠬᠠᠮᠠᠭᠠᠯᠠᠬᠤ︾᠄ ᠢᠨᠲ᠋ᠧᠷ ᠰᠦᠯᠵᠢᠶ᠎ᠡ᠂ ᠲᠠᠸᠠᠷ ᠤᠨ | ᠬᠤᠯᠪᠣᠭ᠎ᠠ᠂ ᠡᠭᠦᠯᠡᠨ ᠪᠣᠳᠣᠯᠲᠠ᠂ ᠣᠶᠣᠨᠴᠢ ᠬᠥᠳᠡᠯᠭᠡᠭᠦᠷ᠂ ᠸᠢᠳᠢᠣ᠋ ᠮᠡᠷᠭᠡᠵᠢᠯ᠂ ᠲᠤᠭ᠎ᠠ ᠪᠠᠷᠢᠮᠳᠠ ᠶᠢ ᠰᠤᠳᠤᠯᠬᠤ᠂ | ᠣᠶᠣᠨ ᠤ ᠬᠠᠮᠢᠶᠠᠷᠤᠯᠲᠠ ᠵᠡᠷᠭᠡ ᠮᠡᠷᠭᠡᠵᠢᠯ ᠢᠶᠠᠷ ᠰᠠᠭᠤᠷᠢ ᠪᠣᠯᠭᠠᠵᠤ᠂ ᠴᠠᠭᠳᠠᠭᠠᠨ ᠤ ᠪᠠᠶᠢᠭᠤᠯᠭ᠎ᠠ ᠶᠢᠨ ᠮᠡᠳᠡᠭᠡ | ᠵᠠᠩᠭᠢᠵᠢᠯᠲᠠ ᠪᠠᠷ ᠭᠤᠣᠯ ᠪᠣᠯᠭᠠᠵᠤ᠂ ᠢᠨᠲ᠋ᠧᠷ ᠰᠦᠯᠵᠢᠶ᠎ᠡ ᠪᠠᠷ ᠨᠡᠪᠲᠡᠷᠡᠬᠦ᠂ ᠲᠠᠸᠠᠷ ᠢᠶᠠᠷ ᠬᠤᠯᠪᠣᠯᠳᠤᠬᠤ᠂ | ᠣᠶᠤᠨᠴᠢ ᠠᠷᠭ᠎ᠠ ᠪᠠᠷ ᠴᠠᠭᠳᠠᠭᠠᠨ ᠤ ᠪᠠᠶᠢᠭᠤᠯᠭ᠎ᠠ ᠶᠢᠨ ᠰᠢᠰᠲ᠋ᠧᠮ ᠤᠨ ᠴᠢᠳᠠᠮᠵᠢ ᠶᠢ ᠳᠡᠭᠡᠳᠦ ᠬᠡᠮᠵᠢᠶ᠎ᠡ ᠪᠠᠷ | ᠨᠢᠭᠡᠳᠬᠡᠵᠦ᠂ ᠵᠣᠬᠢᠴᠠᠭᠤᠯᠤᠨ ᠠᠵᠢᠯᠯᠠᠬᠤ ᠶᠢ ᠠᠬᠢᠭᠤᠯᠵᠤ᠂ ᠴᠠᠭᠳᠠᠭᠠᠨ ᠤ ᠶᠠᠪᠤᠳᠠᠯ ᠤᠨ ᠮᠡᠳᠡᠭᠡ ᠵᠠᠩᠭᠢ ᠶᠢ ︽ | ᠥᠨᠳᠥᠷ ᠪᠦᠲᠦᠮᠵᠢᠲᠡᠢ ᠪᠠᠷ ᠡᠮᠬᠢᠯᠡᠨ ᠨᠡᠶᠢᠯᠡᠭᠦᠯᠵᠦ᠂ ᠳᠡᠭᠡᠳᠦ ᠬᠡᠮᠵᠢᠶ᠎ᠡ ᠪᠠᠷ ᠬᠠᠮᠲᠤᠪᠠᠷ ᠠᠰᠢᠭᠯᠠᠵᠤ᠂ ᠨᠠᠷᠢᠨ | ᠣᠨᠣᠪᠴᠢᠲᠠᠢ ᠬᠡᠷᠡᠭᠯᠡᠬᠦ︾ ᠪᠠᠷ ᠬᠠᠷᠠᠯᠲᠠ ᠪᠣᠯᠭᠠᠭᠰᠠᠨ ᠴᠠᠭᠳᠠᠭᠠᠨ ᠤ ᠶᠠᠪᠤᠳᠠᠯ ᠤᠨ ᠬᠥᠭᠵᠢᠯᠲᠡ ᠶᠢᠨ ᠰᠢᠨ᠎ᠡ | ᠣᠨᠣᠯᠵᠢᠬᠤᠨ ᠪᠠ ᠰᠢᠨ᠎ᠡ ᠵᠠᠭᠪᠤᠷ ᠢ ᠬᠡᠯᠡᠨ᠎ᠡ᠃ | ︵ᠭᠤᠴᠢᠨ ᠳᠣᠯᠤᠭ᠎ᠠ︶ ︽ᠭᠤᠷᠪᠠ ᠳᠤ ᠴᠣᠬᠢᠯᠲᠠ ᠥᠭᠴᠦ ᠨᠢᠭᠡ ᠶᠢ ᠴᠡᠭᠴᠡᠯᠡᠨ ᠵᠠᠰᠠᠬᠤ︾᠄ ᠬᠤᠯᠠᠭᠠᠢ᠂ | ᠪᠤᠯᠢᠶᠠᠨ ᠮᠡᠬᠡᠯᠡᠬᠦ ᠶᠠᠯᠠᠲᠤ ᠠᠵᠢᠯᠯᠠᠭ᠎ᠠ᠂ ᠴᠠᠬᠢᠯᠭᠠᠨ ᠬᠤᠯᠪᠣᠭ᠎ᠠ ᠲᠣᠤᠷ ᠰᠦᠯᠵᠢᠶᠡᠨ ᠤ ᠰᠢᠨ᠎ᠡ ᠮᠠᠶ᠋ᠢᠭ ᠤᠨ | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠪᠠ ᠲᠣᠤᠷ ᠰᠦᠯᠵᠢᠶᠡᠨ ᠳᠡᠭᠡᠷ᠎ᠡ ᠫᠤᠤ ᠰᠤᠮᠤ ᠬᠤᠳᠠᠯᠳᠤᠬᠤ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠣᠷᠣᠨ ᠪᠦᠰᠡ ᠶᠢᠨ ᠴᠢᠨᠠᠷᠲᠠᠶ ᠠᠵᠢᠯ ᠮᠡᠷᠭᠡᠵᠢᠯ ᠤᠨ | ᠶᠠᠯᠠᠲᠤ ᠠᠵᠢᠯᠯᠠᠭ᠎ᠠ ᠶᠢᠨ ᠭᠤᠤᠯᠳᠠᠯᠭ᠎ᠠ ᠲᠠᠢ ᠭᠠᠵᠠᠷ ᠣᠷᠣᠨ ᠢ ᠨᠢᠭᠡᠳᠦᠯᠲᠡᠢ ᠵᠠᠰᠠᠨ ᠴᠡᠭᠴᠡᠯᠡᠨ᠎ᠡ᠃ | ︵ᠭᠤᠴᠢᠨ ᠨᠠᠢᠮᠠ︶ ︽ᠮᠣᠩᠭᠤᠯ ᠮᠣᠷᠢᠨ ᠤ ᠵᠣᠷᠢᠭ ᠰᠠᠨᠠᠭ᠎ᠠ︾᠄ ᠶᠡᠷᠦᠩᠬᠡᠶ ᠱᠦᠵᠢ ᠰᠢ ᠶᠢᠨ ᠫᠢᠩ ᠥᠪᠥᠷ | ᠮᠣᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠵᠢᠭᠠᠵᠤ ᠭᠠᠷᠭᠠᠭᠰᠠᠨ ᠨᠢ᠂ ᠠᠵᠢᠯ ᠬᠢᠵᠦ ᠦᠢᠯᠡᠰ ᠪᠦᠲᠦᠭᠡᠬᠦ ᠳᠤ | ᠮᠣᠩᠭᠤᠯ ᠮᠣᠷᠢ ᠰᠢᠭ᠋ ᠵᠣᠪᠠᠭᠤᠷᠢ ᠵᠦᠳᠡᠭᠦᠷᠢ ᠶᠢ ᠲᠡᠰᠪᠦᠷᠢᠯᠡᠵᠦ᠂ ᠪᠤᠴᠠᠯᠲᠠ ᠦᠭᠡᠢ ᠤᠷᠤᠭᠰᠢᠯᠠᠬᠤ ᠵᠣᠷᠢᠭ | ᠰᠠᠨᠠᠭ᠎ᠠ ᠲᠠᠢ ᠪᠠᠶᠢᠬᠤ ᠬᠡᠷᠡᠭᠲᠡᠢ ᠭᠡᠮᠡᠬᠦ ᠵᠣᠷᠢᠭ ᠰᠠᠨᠠᠭ᠎ᠠ ᠶᠢ ᠬᠡᠯᠡᠨ᠎ᠡ᠃ | |