ᠬᠠᠰᠢᠷ ᠳᠣᠷᠰᠢᠯᠭ᠎ᠠ ᠲᠠᠢ ᠡᠷᠡᠬᠦᠣ ᠶᠢᠨ ᠴᠠᠭᠳᠠᠭ᠎ᠠ ᠪᠦᠭᠡ
ᠨᠡᠶᠢᠲᠡᠯᠡᠭᠰᠡᠨ ᠴᠠᠭ᠄
2021/10/12
ᠨᠠᠷᠠᠨ᠎ᠠ              ᠬᠠᠰᠢᠷ ᠳᠣᠷᠰᠢᠯᠭ᠎ᠠ ᠲᠠᠢ ᠡᠷᠡᠬᠦᠣ ᠶᠢᠨ ᠴᠠᠭᠳᠠᠭ᠎ᠠ ᠪᠦᠭᠡ ᠠᠷᠠᠳ ᠢᠷᠭᠡᠳ ᠤᠨ ᠠᠮᠣᠷ ᠳᠦᠪᠰᠢᠨ ᠪᠠᠶᠠᠷ ᠵᠢᠷᠭᠠᠯ ᠢ ᠠᠵᠢᠯ ᠣᠶᠢᠯᠡᠰ ᠤᠨ ᠢᠶᠠᠨ ᠬᠦᠰᠡᠯ ᠪᠡᠶᠡᠯᠡᠭᠳᠡᠯ ᠢᠶᠠᠨ ᠪᠣᠯᠭᠠᠭᠰᠠᠭᠠᠷ ᠢᠷᠡᠭᠰᠡᠨ ᠠᠷᠠᠳ ᠤᠨ ᠴᠠᠭᠳᠠᠭ᠎ᠠ ᠭᠡᠭᠴᠢ ᠦᠨᠡᠨ ᠤ ᠳᠦᠯᠦᠭᠡ ᠴᠦᠬᠦᠷᠡᠯ ᠦᠭᠡᠢ ᠴᠢᠷᠮᠠᠶᠢᠭᠴᠢ ᠪᠢᠯᠡ᠃ ᠪᠦᠭᠡ ᠪᠣᠯ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠰᠠᠯᠪᠤᠷᠢ ᠠᠩᠬᠢ ᠶᠢᠨ ᠳᠥᠷᠪᠡᠳᠦᠭᠡᠷ ᠳᠡᠰ ᠤᠨ ᠳᠡᠭᠡᠳᠦ ᠵᠡᠷᠭᠡ ᠶᠢᠨ ᠴᠠᠭᠳᠠᠭᠠᠨ ᠳᠠᠷᠤᠭ᠎ᠠ᠂ ᠳᠡᠷᠡᠪᠡᠷ 40 ᠵᠢᠯ ᠤᠨ ᠬᠤᠭᠤᠴᠠᠭᠠᠨ ᠳᠤ ᠳᠣᠳᠣᠭᠠᠳᠣ ᠶᠢ ᠬᠠᠮᠠᠭᠠᠯᠠᠬᠤ ᠣᠶᠢᠯᠡᠰ ᠲᠤ ᠦᠨᠡᠨᠴᠢ ᠰᠢᠳᠣᠷᠭᠤ ᠪᠠᠷ ᠬᠠᠨᠳᠣᠨ᠂ ᠳᠣᠲᠣᠭᠠᠳᠤ ᠶᠢ ᠬᠠᠮᠠᠭᠠᠯᠠᠬᠤ ᠡᠷᠡᠭᠦᠦ ᠶᠢᠨ ᠳᠡᠩᠨᠡᠨ ᠪᠠᠶᠢᠴᠠᠭᠠᠬᠤ ᠠᠵᠢᠯ ᠤᠨ ᠡᠮᠦᠨ᠎ᠡ ᠹᠷᠣᠨᠲ ᠲᠤ ᠪᠠᠶᠢᠯᠳᠣᠨ ᠳᠠᠭᠠᠭᠤᠯᠣᠭᠰᠠᠨ ᠳᠣᠷᠰᠢᠯᠭ᠎ᠠ ᠲᠠᠢ ᠬᠠᠰᠢᠷ ᠴᠠᠭᠳᠠᠭ᠎ᠠ ᠶᠢᠨ ᠨᠢᠭᠡ ᠨᠢ ᠶᠤᠮ᠃
ᠠᠵᠢᠯ ᠳᠤ ᠣᠷᠣᠭᠰᠠᠨ ᠳᠡᠷᠡ ᠴᠠᠭ ᠠᠴᠠ ᠪᠦᠭᠡ ᠨᠢᠭᠡ ᠰᠡᠳᠬᠢᠯ ᠨᠢᠭᠡ ᠵᠣᠷᠢᠭ ᠢᠶᠠᠷ ᠠᠵᠢᠯ ᠣᠶᠢᠯᠡᠰ ᠢᠶᠠᠨ ᠬᠠᠶᠢᠷᠠᠯᠠᠨ ᠳᠡᠭᠡᠳᠦᠯᠡᠵᠣ᠂ ᠬᠢᠴᠢᠶᠡᠩᠭᠬᠦᠢ ᠪᠠᠷ ᠠᠵᠢᠯᠯᠠᠨ ᠵᠣᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠨ ᠬᠤᠪᠢ ᠨᠡᠮᠡᠷᠢ  ᠦᠵᠡᠬᠦᠯᠵᠣ᠂ ᠡᠯ᠎ᠠ ᠳᠠᠯ᠎ᠠ ᠶᠢᠨ ᠠᠵᠢᠯ ᠢ ᠤᠷᠢᠳᠠᠪᠡᠷ ᠪᠣᠳᠣᠯᠬᠢᠯᠠᠨ᠂ ᠤᠷᠢᠳᠠᠪᠡᠷ ᠪᠡᠶᠡᠯᠡᠬᠦᠯᠦᠭᠰᠡᠨ ᠢᠶᠠᠷ ᠳᠣᠪᠣᠶᠢᠮ᠎ᠠ ᠠᠮᠵᠢᠯᠳᠠ ᠣᠯᠵᠣ ᠢᠷᠡᠵᠡᠢ᠃ ᠳᠡᠷᠡᠪᠡᠷ ᠭᠤᠷᠪᠠᠳᠤᠭᠠᠷ ᠳᠡᠰ ᠤᠨ ᠭᠠᠪᠢᠶ᠎ᠠ ᠶᠢ 7 ᠤᠳᠠᠭ᠎ᠠ ᠬᠦᠷᠳᠡᠵᠣ᠂ 2 ᠤᠳᠠᠭ᠎ᠠ ᠬᠥᠬᠢᠭᠦᠯᠦᠨ ᠰᠠᠶᠢᠰᠢᠶᠠᠭᠳᠠᠵᠣ᠂ 2 ᠤᠳᠠᠭ᠎ᠠ ᠰᠢᠯᠢᠳᠡᠭ ᠡᠪ ᠬᠠᠮᠲᠤ ᠨᠠᠮ ᠤᠨ ᠭᠡᠰᠢᠭᠦᠨ ᠪᠠ 1 ᠣᠳᠠᠭ᠎ᠠ ᠪᠦᠬᠦ ᠠᠶᠢᠮᠠᠭ ᠤᠨ ᠲᠡᠷᠢᠭᠦᠨ ᠤ ᠵᠢᠱᠢᠶᠡᠴᠢ ᠬᠤᠪᠢ ᠬᠥᠮᠦᠨ ᠢᠶᠠᠷ ᠬᠦᠬᠢᠬᠦᠯᠦᠭᠳᠡᠨ᠂ ᠡᠨᠡ ᠵᠢᠯ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠤᠨ ᠬᠤᠪᠢ ᠬᠥᠮᠦᠨ ᠤ ᠭᠤᠷᠪᠠᠳᠤᠭᠠᠷ ᠳᠡᠰ ᠤᠨ ᠭᠠᠪᠢᠶ᠎ᠠ ᠶᠢ ᠪᠠᠶᠢᠭᠤᠯᠵᠤ ᠰᠠᠶᠢᠰᠢᠶᠠᠭᠳᠠᠨ ᠬᠦᠬᠢᠬᠦᠯᠦᠭᠳᠡᠵᠡᠢ᠃
    ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠥᠷᠨᠢᠭᠦᠯᠦᠭᠰᠡᠨ ᠠᠴᠠ ᠨᠠᠭᠠᠰᠢ᠂ ᠪᠦᠭᠡ ᠠᠯᠠᠱᠠ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠳᠥᠷᠪᠡᠳᠦᠭᠡᠷ ᠬᠢᠨᠠᠨ ᠪᠠᠶᠢᠴᠠᠭᠠᠬᠤ ᠲᠤᠭᠤᠶᠢᠯᠠᠩ ᠤᠨ ᠳᠠᠷᠤᠭ᠎ᠠ ᠪᠣᠯᠵᠣ᠂ ᠦᠵᠡᠯ ᠰᠠᠨᠠᠭᠠᠨ ᠤ ᠪᠠᠨ ᠦᠨᠳᠣᠷᠴᠠ ᠪᠠᠨ ᠳᠡᠭᠡᠳᠣ ᠪᠠᠶᠢᠷᠢᠨ ᠳᠤ ᠳᠠᠯᠪᠢᠨ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠬᠦᠢᠴᠡᠳᠭᠡᠨ᠂ ᠦᠷᠭᠦᠯᠵᠢᠯᠡᠨ ᠪᠠᠶᠢᠯᠳᠣᠬᠤ ᠵᠢᠴᠢ ᠵᠣᠪᠠᠭᠤᠷᠢ ᠵᠦᠳᠡᠭᠦᠷᠢ ᠶᠢ ᠲᠡᠰᠪᠦᠷᠢᠯᠡᠬᠦ ᠬᠠᠳᠠᠨ ᠵᠣᠷᠢᠭ ᠢᠶᠠᠨ ᠬᠦᠪᠴᠢᠯᠠᠨ ᠤᠯᠠᠨ ᠵᠢᠯ ᠤᠨ ᠬᠡᠷᠡᠭ ᠰᠢᠢᠳᠪᠦᠷᠢᠯᠡᠭᠰᠡᠨ ᠲᠤᠷᠰᠢᠯᠭ᠎ᠠ ᠪᠠᠷ ᠳᠤᠭᠤᠶᠢᠯᠠᠩ ᠤᠨ ᠳᠣᠲᠣᠭᠠᠳᠤ ᠶᠢᠨ ᠳᠡᠩᠨᠡᠨ ᠪᠠᠶᠢᠴᠠᠭᠠᠭᠴᠢ ᠲᠠᠢ ᠬᠠᠮᠵᠢᠯᠴᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠬᠢᠨᠠᠨ ᠪᠠᠶᠢᠴᠠᠭᠠᠯᠲᠠ ᠶᠢᠨ ᠠᠵᠢᠯ ᠳᠤ ᠴᠢᠬᠤᠯᠠ ᠦᠢᠯᠡᠳᠦᠯ ᠢ ᠦᠵᠡᠭᠦᠯᠵᠡᠢ᠃ ᠪᠦᠭᠡ ᠠᠵᠢᠯ ᠢᠶᠠᠨ ᠨᠡᠩ ᠰᠠᠶᠢᠨ ᠪᠡᠶᠡᠯᠡᠬᠦᠯᠬᠦ ᠶᠢᠨ ᠳᠦᠯᠦᠭᠡ ᠦᠪᠡᠷ ᠤᠨ ᠮᠡᠳᠡᠯᠭᠡ ᠮᠡᠳᠡᠴᠡ ᠪᠠᠨ ᠳᠡᠭᠡᠭᠰᠢᠯᠡᠬᠦᠯᠵᠣ᠂ ᠳᠣᠬᠠᠶᠢᠯᠠᠭᠰᠠᠨ ᠠᠵᠢᠯ ᠤᠨ ᠰᠣᠷᠣᠯᠴᠠᠯᠭ᠎ᠠ ᠪᠠᠨ ᠪᠠᠷᠢᠮᠳᠠᠯᠠᠨ᠂ ᠳᠣᠳᠠᠭᠳᠠᠯ ᠢᠶᠠᠨ ᠨᠦᠬᠦᠪᠦᠷᠢᠯᠡᠨ᠂ ᠵᠣᠷᠢᠭᠳᠠᠢ ᠪᠠᠷ ᠰᠢᠨ᠎ᠡ ᠶᠢ ᠡᠬᠦᠳᠴᠣ᠂ ᠲᠤᠰᠬᠠᠶ ᠠᠩᠭᠢ ᠶᠢᠨ ᠠᠵᠢᠯᠲᠠᠨ ᠢ ᠳᠠᠭᠠᠭᠤᠯᠤᠨ ᠬᠢᠨᠠᠨ ᠪᠠᠶᠢᠴᠠᠭᠠᠬᠤ ᠵᠢᠴᠢ ᠡᠯ᠎ᠡ ᠱᠠᠲᠤᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠬᠠᠮᠢᠶ᠎ᠠ ᠪᠦᠬᠦᠢ ᠬᠤᠷᠠᠯ ᠢ ᠨᠠᠷᠢᠨ ᠬᠢᠨᠠᠮᠠᠭᠠᠶ ᠰᠣᠷᠣᠯᠴᠠᠨ᠂ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ᠂ ᠲᠤᠰᠬᠠᠶ ᠲᠡᠮᠡᠴᠡᠯ ᠤᠨ ᠠᠵᠢᠯ ᠤᠨ ᠲᠥᠷᠥ ᠶᠢᠨ ᠪᠣᠳᠣᠯᠭ᠎ᠠ ᠶᠢᠨ ᠵᠠᠭᠠᠭ ᠢ ᠭᠦᠨᠵᠡᠭᠡᠶ ᠣᠶᠢᠯᠠᠭᠠᠵᠣ᠂ ᠠᠵᠢᠯ ᠤᠨ ᠭᠤᠤᠯᠳᠠᠯᠭ᠎ᠠ ᠪᠠ ᠠᠵᠢᠯ ᠤᠨ ᠬᠦᠴᠢᠷᠳᠡᠯ᠂ ᠬᠤᠪᠢ ᠬᠥᠮᠦᠨ ᠵᠢᠴᠢ ᠠᠩᠭᠢ ᠳᠤᠭᠤᠶᠢᠯᠠᠩ ᠤᠨ ᠪᠦᠷᠢᠯᠳᠦᠬᠦᠨ ᠤ ᠮᠡᠳᠡᠯᠭᠡ ᠶᠢ ᠲᠠᠰᠤᠷᠠᠯᠲᠠ ᠦᠭᠡᠢ ᠳᠡᠭᠡᠭᠰᠢᠯᠡᠬᠦᠯᠵᠡᠢ᠃ ᠳᠡᠶᠢᠨᠬᠦ ᠳᠡᠷᠡᠪᠡᠷ ᠡᠭᠦᠷᠭᠡ ᠲᠤᠰᠢᠶᠠᠯ ᠢᠶᠠᠨ ᠬᠢᠨᠠᠮᠠᠭᠠᠶ ᠬᠦᠢᠴᠡᠳᠭᠡᠨ ᠬᠠᠤᠯᠢ ᠶᠣᠰᠣᠭᠠᠷ ᠬᠡᠷᠡᠭ ᠰᠢᠳᠬᠡᠬᠦ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠡᠷᠡᠭᠦᠦ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠣ᠂ ᠪᠦᠬᠦ ᠠᠶᠢᠮᠠᠭ ᠤᠨ ᠬᠠᠷᠢᠶ᠎ᠠ ᠣᠷᠣᠨ ᠤ ᠬᠡᠪᠴᠢᠶᠡᠨ ᠳᠠᠬᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠳᠡᠮᠡᠴᠡᠯ ᠢ ᠠᠬᠢᠭᠤᠯᠣᠭᠰᠠᠭᠠᠷ ᠢᠷᠡᠵᠡᠢ᠃
 ᠤᠯᠠᠨ ᠵᠢᠯ ᠤᠨ ᠲᠤᠷᠰᠢ᠂ ᠪᠦᠬᠡ ᠡᠷᠡᠭᠦᠦ ᠶᠢᠨ ᠳᠡᠩᠨᠡᠨ ᠪᠠᠶᠢᠴᠠᠭᠠᠬᠤ ᠠᠵᠢᠯ ᠳᠤ ᠡᠬᠦᠷᠭᠡ ᠬᠠᠷᠢᠭᠤᠴᠠᠯᠭ᠎ᠠ ᠪᠠᠨ ᠳᠣᠯᠵᠣ᠂ ᠬᠦᠷᠴᠣ ᠢᠷᠡᠭᠰᠡᠨ ᠬᠦᠴᠢᠷ ᠢ ᠳᠣᠭᠤᠯᠣᠨ ᠠᠯᠢ ᠣᠯᠠᠨ ᠠᠮᠵᠢᠯᠳᠠ ᠶᠢ ᠣᠯᠣᠭᠰᠠᠨ ᠪᠠᠶᠢᠳᠠᠭ᠃ ᠪᠦᠬᠦ ᠤᠯᠤᠰ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠥᠷᠨᠢᠭᠦᠯᠦᠭᠰᠡᠨ ᠠᠴᠠ ᠨᠠᠭᠠᠰᠢ᠂ ᠢᠯᠠᠩᠭᠤᠶ᠎ᠠ 2003 ᠣᠨ ᠤ 2 ᠰᠠᠷ᠎ᠠ ᠶᠢᠨ 4᠎ ᠤ ᠡᠳᠦᠷ ᠠᠯᠠᠱᠠ ᠵᠡᠭᠦᠨ ᠬᠤᠰᠢᠭᠤᠨ ᠳᠤ ᠬᠦᠮᠣᠨ ᠠᠯᠠᠵᠣ ᠭᠡᠬᠦᠷ ᠢ ᠨᠢ ᠲᠠᠮᠲᠤᠭᠯᠠᠭᠰᠠᠨ ᠬᠡᠷᠡᠭ ᠢ ᠲᠠᠬᠢᠨ ᠳᠡᠩᠨᠡᠨ ᠰᠢᠢᠳᠪᠦᠷᠢᠯᠡᠬᠦ ᠳᠤᠮᠳᠠ᠂ ᠪᠦᠬᠡ ᠲᠡᠰᠪᠦᠷᠢ ᠬᠠᠲᠠᠭᠤᠵᠢᠯᠲᠠᠢ ᠳᠡᠮᠡᠴᠡᠨ᠂ ᠨᠢᠭᠡ ᠰᠡᠳᠬᠢᠯ ᠨᠢᠭᠡ ᠵᠣᠷᠢᠭ ᠢᠶᠠᠷ ᠬᠡᠷᠡᠭ ᠢ ᠳᠡᠩᠨᠡᠨ ᠢᠯᠡᠷᠡᠭᠦᠯᠬᠦ ᠠᠵᠢᠯ ᠳᠡᠭᠡᠷ᠎ᠡ ᠶᠠᠮᠠᠷ ᠴᠦ ᠨᠦᠬᠦᠴᠡᠯ ᠦᠭᠡᠢ ᠪᠠᠷ ᠰᠢᠮᠳᠠᠭᠰᠠᠨ ᠶᠤᠮ᠃ ᠳᠡᠶᠢᠨᠬᠦ ᠡᠨᠡ ᠵᠢᠯ ᠤᠨ ᠳᠦᠷᠪᠡᠳᠦᠭᠡᠷ ᠰᠠᠷ᠎ᠠ ᠶᠢᠨ ᠰᠡᠬᠦᠯᠴᠢ ᠪᠠᠷ ᠪᠦᠭᠡ ᠠᠶᠢᠮᠠᠭ ᠤᠨ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠤ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠠᠯᠠᠱᠠ ᠵᠡᠭᠦᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠳᠣᠪᠴᠢᠶᠠᠨ ᠎ ᠤ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠶᠡᠭᠡ ᠠᠩᠬᠢ ᠶᠢᠨ ᠬᠠᠮᠲᠤ ᠠᠵᠢᠯᠯᠠᠭᠰᠠᠳ ᠲᠠᠢ ᠬᠠᠮᠲᠤ ᠪᠠᠷ ᠪᠡᠭᠡᠵᠢᠩ᠂ ᠱᠠᠨᠰᠢ᠂ ᠬᠤᠪᠸᠢ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠣᠶᠢᠯᠠᠭᠠᠵᠤ᠂ ᠮᠤᠵᠢ ᠠᠯᠤᠰᠯᠠᠨ ᠶᠠᠷᠭᠠᠴᠢᠨ ᠢ ᠪᠠᠷᠢᠪᠴᠢᠯᠠᠬᠤ ᠪᠠᠷ ᠴᠥᠬᠦᠷᠡᠰᠢ ᠦᠭᠡᠢ ᠴᠢᠷᠮᠠᠶᠢᠭᠰᠠᠨ ᠢᠶᠠᠷ ᠬᠡᠷᠡᠭ ᠨᠢ ᠡᠴᠦᠰ ᠲᠡᠭᠡᠨ ᠰᠢᠪᠲᠤᠯᠤᠯᠲᠠ ᠲᠠᠢ ᠪᠤᠯᠵᠤ᠂ ᠨᠢᠩᠰᠢᠶᠠ ᠶᠢᠨ ᠬᠤ᠋ ᠤᠪᠤᠭᠳᠠᠨ ᠳᠤ ᠴᠢᠭᠯᠡᠭᠦᠯᠦᠭᠰᠡᠨ ᠨᠡᠩ ᠣᠯᠠᠨ ᠭᠡᠷᠡᠴᠢ ᠪᠠᠷᠢᠮᠲᠠ ᠲᠠᠢ ᠪᠣᠯᠵᠠᠶ᠃ 5 ᠰᠠᠷ᠎ᠠ ᠶᠢᠨ 11᠎ ᠤ ᠡᠳᠦᠷ᠂ ᠨᠢᠩᠰᠢᠶᠠ ᠶᠢᠨ ᠵᠢᠨᠴᠤᠸᠠᠨ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠬᠦᠴᠦᠲᠡᠶ ᠳᠡᠮᠵᠢᠯᠭᠡ ᠳᠤᠤᠷ᠎ᠠ᠂ ᠠᠯᠠᠱᠠ ᠶᠢᠨ ᠴᠠᠭᠳᠠᠭᠠᠨ ᠤ ᠲᠠᠯ᠎ᠠ ᠶᠢᠨ ᠬᠢᠨ ᠬᠡᠷ ᠲᠡᠭᠡᠨ ᠨᠢᠭᠤᠭᠳᠠᠵᠣ ᠪᠠᠶᠢᠭᠰᠠᠨ ᠬᠤ᠋ ᠣᠪᠣᠭᠲᠤ ᠶᠢ ᠪᠠᠷᠢᠪᠴᠢᠯᠠᠭᠠᠳ 18 ᠵᠢᠯ ᠤᠨ ᠡᠮᠣᠨᠡᠬᠢ ᠠᠯᠠᠱᠠ ᠵᠡᠭᠦᠨ ᠬᠤᠰᠢᠭᠤᠨ ᠳᠤ  ᠬᠥᠮᠦᠨ ᠠᠯᠠᠭᠰᠠᠨ ᠬᠡᠷᠡᠭ ᠢ ᠠᠮᠵᠢᠯᠲᠠ ᠲᠠᠢ ᠪᠠᠷ ᠢᠯᠡᠷᠡᠭᠦᠯᠵᠡᠶ᠃
 ᠪᠦᠭᠡ ᠢᠮᠠᠭᠳᠠ ᠦᠪᠡᠷ ᠢ ᠢᠶᠠᠨ ᠴᠢᠩᠭ᠎ᠠ ᠱᠠᠭᠠᠷᠳᠠᠨ᠂ ᠪᠡᠶ᠎ᠡ ᠪᠠᠷ ᠢᠶᠠᠨ ᠵᠠᠯᠠᠭᠤᠴᠣᠳ ᠲᠤ ᠢᠳᠡᠭᠡᠯ ᠵᠣᠷᠢᠭ ᠢ ᠣᠯᠭᠤᠵᠣ᠂ ᠭᠡᠪ ᠳᠠᠭᠤᠷᠢᠶᠠᠯ ᠦᠵᠡᠬᠦᠯᠣᠨ᠂ ᠳᠡᠳᠡᠨᠠᠷ ᠢ ᠬᠦᠮᠣᠵᠢᠬᠦᠯᠣᠨ ᠵᠢᠯᠣᠭᠤᠳᠴᠣ᠂ ᠠᠷᠭ᠎ᠠ ᠣᠬᠠᠭᠠᠨ ᠭᠠᠷᠭᠠᠬᠤ ᠶᠢ ᠰᠠᠨᠠᠭᠤᠯᠣᠨ᠂ ᠠᠵᠢᠯ ᠤᠨ ᠴᠢᠳᠠᠪᠣᠷᠢ ᠪᠠᠨ ᠬᠠᠮᠳᠣ ᠪᠠᠷ ᠳᠡᠭᠡᠭᠰᠢᠯᠡᠬᠦᠯᠦᠭᠰᠡᠭᠡᠷ ᠢᠷᠡᠵᠡᠢ᠃ ᠳᠡᠷᠡ ᠮᠠᠨᠢ ᠤᠯᠠᠨ ᠵᠢᠯ ᠤᠨ ᠡᠷᠡᠭᠦᠦ ᠶᠢᠨ ᠬᠡᠷᠡᠭ ᠢ ᠲᠤᠷᠰᠢᠨ ᠪᠠᠶᠢᠴᠠᠭᠠᠬᠤ ᠠᠵᠢᠯ ᠤᠨ ᠲᠤᠷᠰᠢᠯᠭ᠎ᠠ ᠳᠠᠭᠠᠨ ᠲᠦᠰᠢᠭᠯᠡᠨ᠂ ᠬᠦᠨᠳᠦ ᠶᠡᠭᠡ ᠬᠡᠷᠡᠭ ᠢ ᠳᠡᠩᠨᠡᠨ ᠰᠢᠢᠳᠪᠦᠷᠢᠯᠡᠬᠦ ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠠᠤᠯᠢ ᠶᠣᠰᠣᠭᠠᠷ ᠬᠡᠷᠡᠭ ᠢ ᠰᠢᠢᠳᠪᠣᠷᠢᠯᠡᠨ᠂ ᠠᠷᠠᠳ ᠤᠯᠠᠨ ᠳᠤ ᠬᠡᠷᠡᠭ ᠪᠣᠯᠭᠠᠨ ᠢ ᠰᠢᠢᠳᠪᠦᠷᠢᠯᠡᠬᠦ ᠳᠤᠮᠳᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠵᠦ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠰᠠᠶᠢᠨ ᠰᠠᠶᠢᠬᠠᠨ ᠢ ᠴᠢᠷᠮᠠᠶᠢᠨ ᠪᠢᠴᠢᠭᠯᠡᠪᠡᠢ᠃
 
ᠢᠷᠡᠯᠲᠡ᠄ ᠠᠯᠠᠱᠠ ᠶᠢᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号